ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ᠡᠩ ᠤᠨ ᠲᠡᠭᠡᠳᠦ ᠰᠤᠷᠭᠠᠭᠤᠯᠢ ᠶᠢᠨ  ᠰᠢᠨ᠎ᠡ ᠰᠤᠷᠤᠭᠴᠢ ᠰᠤᠷᠭᠠᠭᠤᠯᠢ ᠳᠤ ᠣᠷᠣᠬᠤ ᠶᠢᠨ ᠡᠳ᠋ ᠮᠦᠩᠭᠦ ᠪᠠᠷ ᠲᠤᠰᠠᠯᠠᠬᠤ ᠲᠥᠷᠦ ᠶᠢᠨ  ᠪᠣᠳᠣᠯᠭ᠎ᠠ ᠶᠢ ᠬᠡᠷᠡᠭᠵᠢᠭᠦᠯᠬᠦ ᠲᠣᠬᠠᠢ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ  ᠡᠳ᠋ ᠤᠨ ᠵᠠᠰᠠᠭ ᠤᠨ ᠲᠢᠩᠬᠢᠮ ᠤᠨ ᠰᠠᠨᠠᠯ ᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ  ᠠᠷᠠᠳ ᠤᠨ ᠵᠠᠰᠠᠭ ᠤᠨ ᠣᠷᠳᠤᠨ ᠤ ᠴᠣᠬᠤᠯᠠᠪᠤᠷᠢᠯᠠᠨ ᠤᠯᠠᠮᠵᠢᠯᠠᠬᠤ ᠮᠡᠳᠡᠭᠳᠡᠯ
ᠨᠡᠶᠢᠲᠡᠯᠡᠭᠰᠡᠨ ᠴᠠᠭ᠄
2016-07-18
    ᠥᠪᠥᠷ ᠵᠠᠰᠠᠭ ᠲᠠᠷᠬᠠᠭᠠᠭᠰᠠᠨ ﹇2014﹈ 81 ᠳ᠋ᠤᠭᠡᠷ ᠲᠤᠭᠠᠳᠤ                      7 ᠳ᠋ᠤᠭᠠᠷ ᠰᠠᠷ᠎ᠠ ᠶᠢᠨ 7᠎ ᠤ ᠡᠳᠦᠷ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ  ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ  ᠨᠢᠭᠡᠴᠡ ᠳᠤ᠄           ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ ᠡᠳ᠋ ᠤᠨ ᠵᠠᠰᠠᠭ ᠤᠨ  ᠲᠢᠩᠬᠢᠮ ᠤᠨ ︽ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ᠡᠩ ᠤᠨ ᠳᠡᠭᠡᠳᠦ  ᠰᠤᠷᠭᠠᠭᠤᠯᠢ ᠶᠢᠨ ᠰᠢᠨ᠎ᠡ ᠰᠤᠷᠤᠭᠴᠢ ᠰᠤᠷᠭᠠᠭᠤᠯᠢ ᠳᠤ ᠣᠷᠤᠬᠤ ᠶᠢᠨ ᠡᠳ᠋ ᠮᠦᠩᠭᠦ ᠪᠠᠷ ᠲᠤᠰᠠᠯᠠᠬᠤ ᠲᠥᠷᠥ ᠶᠢᠨ  ᠪᠣᠳᠤᠯᠭ᠎ᠠ ᠶᠢ ᠬᠡᠷᠡᠭᠵᠢᠭᠦᠯᠬᠦ ᠲᠣᠬᠠᠢ ᠰᠠᠨᠠᠯ︾᠎ ᠢ ᠡᠳᠦᠭᠡ ᠲᠠᠨᠠᠷ ᠲᠤ ᠴᠤᠬᠤᠯᠠᠪᠤᠷᠢᠯᠠᠨ ᠤᠯᠠᠮᠵᠢᠯᠠᠯ᠎ᠠ᠂ ᠬᠢᠨᠠᠮᠠᠭᠠᠢ  ᠵᠢᠷᠤᠮᠯᠡᠨ ᠬᠡᠷᠡᠭᠵᠢᠭᠦᠯᠲᠦᠭᠡᠢ᠃                        ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ᠡᠩ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ ᠰᠤᠷᠭᠠᠭᠤᠯᠢ ᠳᠤ ᠣᠷᠤᠬᠤ ᠶᠢᠨ ᠡᠳ᠋ ᠮᠦᠩᠭᠦ ᠪᠠᠷ ᠲᠤᠰᠠᠯᠠᠬᠤ ᠲᠥᠷᠥ ᠶᠢᠨ ᠪᠣᠳᠤᠯᠭ᠎ᠠ ᠶᠢ ᠬᠡᠷᠡᠭᠵᠢᠭᠦᠯᠬᠦ ᠲᠣᠬᠠᠢ ᠰᠠᠨᠠᠯ              ︵ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ  ᠦᠪᠡᠷᠲᠡᠭᠡᠨ  ᠵᠠᠰᠠᠬᠤ  ᠣᠷᠣᠨ ᠤ  ᠡᠳ᠋ ᠤᠨ ᠵᠠᠰᠠᠭ ᠤᠨ ᠲᠢᠩᠬᠢᠮ    2014 ᠣᠨ ᠤ 7 ᠳ᠋ᠤᠭᠠᠷ  ᠰᠠᠷ᠎ᠠ︶     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠲᠥᠪ ᠤᠨ ᠬᠦᠳᠡᠭᠡ ᠲᠤᠰᠬᠤᠨ ᠤ ᠠᠵᠢᠯ ᠤᠨ  ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ  ᠬᠦᠮᠦᠵᠢᠯ ᠤᠨ ᠡᠷᠬᠡ ᠲᠡᠭᠰᠢ ᠶᠢ ᠤᠯᠠᠮ ᠨᠢᠭᠡ ᠠᠯᠬᠤᠮ ᠠᠬᠢᠭᠤᠯᠤᠨ᠂ ᠰᠤᠷᠭᠠᠨ ᠬᠦᠮᠦᠵᠢᠯ ᠢᠶᠠᠷ ᠶᠠᠳᠠᠭᠤ ᠶᠢ  ᠲᠡᠳᠭᠦᠬᠦ ᠡᠷᠴᠢᠮ ᠢ ᠨᠡᠮᠡᠭᠳᠡᠭᠦᠯᠵᠦ᠂ ᠮᠠᠨ ᠤ ᠣᠷᠣᠨ ᠤ ᠰᠤᠷᠤᠭᠴᠢ ᠶᠢ ᠡᠳ᠋ ᠮᠦᠩᠭᠦ ᠪᠠᠷ ᠲᠤᠰᠠᠯᠠᠬᠤ ᠲᠥᠷᠥ ᠶᠢᠨ  ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠥᠨ᠂ ᠮᠠᠨ ᠤ ᠣᠷᠣᠨ ᠤ ᠭᠡᠷ ᠪᠦᠯᠢ ᠶᠢᠨ ᠠᠵᠤ ᠠᠬᠤᠢ ᠨᠢ  ᠬᠦᠴᠢᠷᠳᠡᠯᠲᠡᠢ ᠰᠤᠷᠤᠭᠴᠢᠳ ᠤᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠤᠯᠭ᠎ᠠ ᠪᠠᠨ ᠤᠷᠤᠭᠰᠢᠲᠠᠢ  ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠲᠠ᠂ ᠦᠪᠡᠷᠲᠡᠭᠡᠨ ᠵᠠᠰᠬᠠᠤ ᠣᠷᠣᠨ 2014 ᠣᠨ ᠠᠴᠠ ᠡᠬᠢᠯᠡᠨ᠂  ᠮᠠᠨ ᠤ ᠣᠷᠣᠨ ᠤ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ᠡᠩ ᠤᠨ ᠳᠡᠭᠡᠳᠦ  ᠰᠤᠷᠭᠠᠭᠤᠯᠢ ᠶᠢᠨ ᠰᠢᠨ᠎ᠡ ᠰᠤᠷᠤᠭᠴᠢ ᠰᠤᠷᠭᠠᠭᠤᠯᠢ ᠳᠤ ᠣᠷᠤᠬᠤ ᠶᠢᠨ ᠡᠳ᠋ ᠮᠦᠩᠭᠦ ᠪᠠᠷ ᠲᠤᠰᠠᠯᠠᠬᠤ ᠲᠥᠷᠥ ᠶᠢᠨ  ᠪᠣᠳᠣᠯᠭ᠎ᠠ ᠶᠢ ᠬᠡᠷᠡᠭᠵᠢᠭᠦᠯᠬᠦ ᠪᠠᠷ ᠲᠤᠭᠲᠠᠭᠠᠪᠠ᠃ ᠡᠳᠥᠭᠡ ᠳᠣᠣᠷᠠᠬᠢ ᠮᠡᠲᠦ ᠰᠠᠨᠠᠯ ᠢ ᠳᠤᠷᠠᠳᠪᠠ᠃          ᠨᠢᠭᠡ᠂ ᠴᠢᠬᠤᠯᠠ ᠠᠴᠢ ᠬᠤᠯᠪᠤᠭᠳᠠᠯ     ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ᠡᠩ ᠤᠨ ᠳᠡᠭᠡᠳᠦ  ᠰᠤᠷᠭᠠᠭᠤᠯᠢ ᠶᠢᠨ ᠰᠢᠨ᠎ᠡ ᠰᠤᠷᠤᠭᠴᠢ ᠰᠤᠷᠭᠠᠭᠤᠯᠢ ᠳᠤ ᠣᠷᠤᠬᠤ ᠶᠢᠨ ᠡᠳ᠋ ᠮᠦᠩᠭᠦ ᠪᠠᠷ ᠲᠤᠰᠠᠯᠠᠬᠤ ᠲᠥᠷᠥ ᠶᠢᠨ  ᠪᠣᠳᠣᠯᠭ᠎ᠠ ᠶᠢ ᠬᠡᠷᠡᠭᠵᠢᠭᠦᠯᠬᠦ ᠨᠢ᠂ ᠰᠢ ᠶᠢᠨ ᠫᠢᠩ ᠶᠡᠷᠦᠩᠬᠡᠢ ᠱᠦᠵᠢ ᠶᠢᠨ ︽ᠶᠠᠳᠠᠭᠤ ᠬᠦᠴᠢᠷᠳᠡᠯᠲᠡᠢ ᠭᠠᠵᠠᠷ  ᠣᠷᠣᠨ ᠤ ᠬᠡᠦᠬᠡᠳ ᠢ ᠡᠬᠢᠯᠡᠯᠲᠡ ᠶᠢᠨ ᠱᠤᠭᠤᠮ ᠳᠡᠭᠡᠷ᠎ᠡ ᠬᠤᠴᠤᠷᠣᠭᠤᠯᠵᠦ ᠪᠣᠯᠬᠤ ᠦᠭᠡᠢ︾ ᠭᠡᠰᠡᠨ  ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠭᠡᠷ  ᠪᠦᠯᠢ ᠶᠢᠨ ᠰᠤᠷᠤᠭᠴᠢᠳ ᠤᠨ ᠦᠨᠳᠦᠰᠦᠨ ᠰᠤᠷᠭᠠᠨ ᠬᠦᠮᠦᠵᠢᠯ ᠤᠨ ᠡᠷᠬᠡ ᠠᠰᠢᠭ ᠢ ᠦᠨᠡᠨᠬᠦ ᠪᠠᠲᠤᠯᠠᠬᠤ ᠴᠢᠬᠤᠯᠠ  ᠠᠷᠭ᠎ᠠ ᠬᠡᠮᠵᠢᠶ᠎ᠡ ᠪᠣᠯᠣᠨ᠎ᠠ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠣᠷᠣᠨ ᠢᠶᠠᠨ ᠮᠠᠨᠳᠤᠭᠤᠯᠬᠤ ᠪᠠ  ᠴᠢᠳᠠᠪᠤᠷᠢᠲᠠᠨ ᠢᠶᠠᠷ ᠣᠷᠣᠨ ᠢᠶᠠᠨ ᠬᠦᠴᠦᠷᠭᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠤᠷᠭᠠᠨ  ᠬᠦᠮᠦᠵᠢᠯ ᠤᠨ ᠪᠦᠲᠦᠴᠡ ᠶᠢ ᠰᠢᠯᠢᠳᠡᠭᠵᠢᠭᠦᠯᠬᠦ ᠪᠦᠲᠦᠮᠵᠢᠲᠡᠢ ᠠᠷᠭ᠎ᠠ ᠪᠠᠷᠢᠯ ᠪᠣᠯᠣᠨ᠎ᠠ᠂ ᠤᠯᠠᠨ ᠨᠡᠶᠢᠲᠡ ᠶᠢᠨ  ᠡᠳ᠋ ᠤᠨ ᠵᠠᠰᠠᠭ ᠤᠨ ᠡᠭᠦᠷᠭᠡ ᠴᠢᠳᠠᠪᠥᠷᠢ ᠶᠢ ᠦᠨᠡᠨᠬᠦ ᠭᠦᠢᠴᠡᠳᠭᠡᠵᠦ᠂ ᠦᠨᠳᠦᠰᠦᠨ ᠤᠯᠠᠨ ᠨᠡᠶᠢᠲᠡ ᠶᠢᠨ  ᠦᠢᠯᠡᠴᠢᠯᠡᠭᠡᠨ ᠢ ᠲᠡᠩᠴᠡᠭᠦᠷᠢᠰᠢᠭᠦᠯᠬᠦ ᠶᠢ ᠲᠦᠯᠬᠢᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ  ᠪᠦᠭᠡᠳ ᠮᠦᠨᠴᠦ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠵᠦ ᠪᠠᠶᠢᠭ᠎ᠠ ᠠᠷᠠᠳ ᠤᠨ ᠠᠮᠢᠳᠤᠷᠠᠯ ᠤᠨ ᠪᠠᠰᠠ  ᠨᠢᠭᠡᠨ ᠴᠢᠬᠤᠯᠠ ᠢᠨᠵᠧᠨᠧᠷᠢᠩ ᠪᠠᠶᠢᠵᠤ᠂ ᠰᠤᠷᠭᠠᠨ ᠬᠦᠮᠦᠵᠢᠯ ᠤᠨ ᠡᠷᠬᠡ ᠲᠡᠭᠰᠢ ᠪᠣᠯᠣᠨ ᠨᠡᠶᠢᠭᠡᠮ ᠤᠨ ᠲᠥᠪ  ᠭᠤᠣᠯᠴᠢ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃           ᠬᠤᠶᠠᠷ᠂ ᠭᠤᠣᠯ ᠠᠭᠤᠯᠭ᠎ᠠ     ︽ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠥᠨ᠂ ᠵᠠᠷᠤᠳᠠᠯ ᠢ ᠵᠦᠢ ᠵᠣᠬᠢᠰᠲᠠᠢ ᠬᠤᠪᠢᠳᠠᠨ  ᠡᠭᠦᠷᠭᠡᠯᠡᠵᠦ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠲᠣᠳᠤᠷᠬᠠᠶᠢᠯᠠᠨ᠂ ᠡᠯ᠎ᠡ ᠲᠠᠯ᠎ᠠ ᠶᠢᠨ  ᠬᠠᠷᠢᠭᠤᠴᠠᠯᠭ᠎ᠠ ᠶᠢ ᠲᠣᠳᠤᠷᠬᠠᠢ ᠪᠣᠯᠭᠠᠵᠦ᠂ ᠡᠳ᠋ ᠮᠦᠩᠭᠦ ᠪᠠᠷ ᠲᠤᠰᠠᠯᠠᠬᠤ ᠶᠢ ᠨᠢᠭᠡ ᠤᠳᠠᠭ᠎ᠠ ᠳᠤ ᠣᠷᠣᠨ  ᠪᠠᠶᠢᠷᠢ ᠳᠤᠨᠢ ᠬᠦᠷᠥᠭᠦᠯᠵᠦ᠂ ᠠᠷᠠᠳ ᠤᠨ ᠠᠮᠢᠳᠤᠷᠠᠯ ᠳᠤ ᠦᠵᠡᠭᠦᠯᠬᠦ ᠦᠢᠯᠡᠴᠢᠯᠡᠯ ᠢ ᠬᠠᠷᠠᠭᠤᠯᠬᠤ︾ ᠵᠠᠷᠴᠢᠮ ᠤᠨ  ᠶᠣᠰᠤᠭᠠᠷ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ ᠡᠩ ᠤᠨ ᠳᠡᠭᠡᠳᠦ ᠵᠡᠷᠭᠡ ᠶᠢᠨ  ᠰᠤᠷᠭᠠᠨ ᠬᠦᠮᠦᠵᠢᠯ ᠤᠨ ᠰᠤᠷᠤᠯᠭ᠎ᠠ ᠪᠠᠨ ᠣᠷᠤᠭᠰᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃          ︵ᠨᠢᠭᠡ︶ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ  ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠲᠤ ᠬᠠᠨᠳᠤᠭᠤᠯᠤᠭᠰᠠᠨ ᠡᠳ᠋ ᠮᠦᠩᠭᠦ ᠪᠠᠷ ᠲᠤᠰᠠᠯᠠᠬᠤ ᠲᠥᠷᠥ ᠶᠢᠨ  ᠪᠣᠳᠣᠯᠭ᠎ᠠ ᠡᠳ᠋ ᠮᠦᠩᠭᠦ ᠪᠠᠷ ᠲᠤᠰᠠᠯᠠᠬᠤ ᠡᠳᠡᠭᠡᠳ᠄ ᠲᠤᠰ ᠵᠢᠯ ᠡᠩ ᠤᠨ ᠳᠡᠭᠡᠳᠦ ᠰᠤᠷᠭᠠᠭᠤᠯᠢ ᠳᠤ ᠡᠯᠰᠡᠭᠳᠡᠵᠦ᠂  ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠮᠦᠷᠲᠡᠭᠡᠨ  ᠡᠯᠰᠡᠭᠳᠡᠬᠦ ᠳᠡᠭᠡᠨ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ  ᠪᠦᠯᠢ ᠶᠢᠨ ᠦᠷ᠎ᠡ ᠬᠡᠦᠬᠡᠳ᠃ ᠡᠳ᠋ ᠮᠦᠩᠭᠦ ᠪᠠᠷ ᠲᠤᠰᠠᠯᠠᠬᠤ ᠪᠠᠷᠢᠮᠵᠢᠶ᠎ᠠ᠄ ᠡᠩ ᠤᠨ ᠳᠡᠭᠡᠳᠦ ᠰᠤᠷᠭᠠᠭᠤᠯᠢ ᠶᠢᠨ  ᠵᠢᠩᠬᠢᠨᠢ ᠠᠩᠭᠢ ᠶᠢᠨ ᠲᠦᠷᠦᠯ ᠳᠤ ᠡᠯᠰᠡᠭᠳᠡᠭᠰᠡᠨ ᠰᠢᠨ᠎ᠡ ᠰᠤᠷᠤᠭᠴᠢ ᠳᠤ 40000 ᠲᠦᠭᠦᠷᠢᠭ ᠤᠨ ᠡᠳ᠋  ᠮᠦᠩᠭᠦ ᠪᠠᠷ ᠨᠢᠭᠡ ᠤᠳᠠᠭ᠎ᠠ ᠶᠢᠨ ᠴᠢᠨᠠᠷᠲᠠᠢ ᠲᠣᠰᠠᠯᠠᠨ᠎ᠠ︔ ᠡᠩ ᠤᠨ ᠳᠡᠭᠡᠳᠦ ᠰᠤᠷᠭᠠᠭᠤᠯᠢ ᠶᠢᠨ ᠲᠤᠰᠬᠠᠢ  ᠮᠡᠷᠭᠡᠵᠢᠯ ᠪᠣᠶᠣ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠶᠢᠨ  ᠲᠦᠷᠦᠯ ᠳᠤ ᠡᠯᠰᠡᠭᠳᠡᠭᠰᠡᠨ ᠰᠢᠨ᠎ᠡ ᠰᠤᠷᠤᠭᠴᠢ ᠳᠤ 30000 ᠲᠦᠭᠦᠷᠢᠭ ᠤᠨ ᠡᠳ᠋ ᠮᠦᠩᠭᠦ ᠪᠠᠷ ᠨᠢᠭᠡ  ᠤᠳᠠᠭ᠎ᠠ ᠶᠢᠨ ᠴᠢᠨᠠᠷᠲᠠᠢ ᠲᠣᠰᠠᠯᠠᠨ᠎ᠠ᠃ ᠪᠡᠯᠡ ᠮᠦᠩᠭᠦ ᠶᠢᠨ ᠢᠷᠡᠯᠲᠡ᠄ ᠬᠡᠷᠡᠭᠰᠡᠬᠦ ᠪᠡᠯᠡ ᠮᠦᠩᠭᠦ ᠪᠦᠬᠦᠨ ᠢ  ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ ᠡᠯ᠎ᠡ ᠬᠤᠰᠢᠭᠤ ᠰᠢᠶᠠᠨ  ︵ᠬᠤᠲᠠ᠂ ᠲᠣᠭᠤᠷᠢᠭ︶᠎ ᠤ ᠰᠤᠷᠤᠭᠴᠢ ᠶᠢ ᠡᠳ᠋ ᠮᠦᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ  ᠪᠣᠯᠣᠨ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠡᠩ ᠤᠨ ᠳᠡᠭᠡᠳᠦ ᠰᠤᠷᠭᠠᠭᠤᠯᠢ ᠶᠢᠨ ᠡᠯᠰᠡᠬᠦ ᠴᠠᠭ  ᠬᠤᠭᠤᠴᠠᠭ᠎ᠠ ᠶᠢ ᠦᠨᠳᠦᠰᠦᠯᠡᠨ᠂ ᠡᠳ᠋ ᠮᠦᠩᠭᠦ ᠶᠢᠨ ᠲᠤᠰᠠᠯᠠᠮᠵᠢ ᠬᠦᠷᠲᠡᠬᠦ ᠰᠤᠷᠤᠭᠴᠢ ᠶᠢᠨ ᠨᠡᠷᠡᠰ ᠢ ᠴᠠᠭ  ᠲᠤᠬᠠᠢ ᠳᠤᠨᠢ ᠬᠦᠯᠢᠶᠡᠨ ᠠᠪᠴᠤ᠂ ᠬᠢᠨᠠᠨ ᠪᠠᠶᠢᠴᠠᠭᠠᠬᠤ ᠪᠠ ᠨᠡᠶᠢᠲᠡ ᠳᠤ ᠵᠠᠷᠯᠠᠬᠤ ᠶᠢᠨ ᠬᠠᠮᠲᠤ ᠵᠢᠩᠬᠢᠨᠢ ᠠᠩᠭᠢ  ᠪᠣᠯᠣᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠶᠢᠨ  ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ᠂ ᠡᠳ᠋ ᠮᠦᠩᠭᠦ ᠶᠢᠨ ᠲᠤᠰᠠᠯᠠᠮᠵᠢ ᠬᠦᠷᠲᠡᠬᠦ ᠰᠤᠷᠤᠭᠴᠢᠳ ᠤᠨ ᠨᠡᠷᠡᠰ ᠢ  ᠬᠤᠶᠠᠷ ᠪᠦᠯᠦᠭ ᠤᠳᠠᠭ᠎ᠠ ᠬᠤᠪᠢᠶᠠᠨ ᠬᠤᠷᠢᠶᠠᠩᠭᠤᠶᠢᠯᠠᠭᠠᠳ ᠦᠪᠡᠷᠲᠡᠭᠡᠨ ᠵᠠᠰᠠᠬᠤ ᠣᠷᠣᠨ ᠤ ᠰᠤᠷᠤᠭᠴᠢ ᠶᠢ ᠡᠳ᠋  ᠮᠦᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠵᠦ᠂ ᠲᠡᠳᠡ ᠡᠮᠬᠢᠳᠭᠡᠭᠰᠡᠨ ᠤ ᠳᠠᠷᠠᠭ᠎ᠠ  ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠴᠠᠭ ᠲᠣᠬᠠᠢ ᠳᠤᠨᠢ ᠮᠡᠳᠡᠭᠦᠯᠵᠦ᠂ ᠦᠪᠡᠷᠲᠡᠭᠡᠨ  ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠮᠦᠩᠭᠦ ᠪᠠᠷ ᠲᠤᠰᠠᠯᠠᠬᠤ ᠪᠡᠯᠡ ᠮᠦᠩᠭᠦ ᠰᠢᠯᠵᠢᠭᠦᠯᠵᠦ  ᠥᠭᠬᠦ ᠶᠢ ᠭᠤᠶᠤᠴᠢᠯᠠᠭᠰᠠᠨ ᠪᠢᠴᠢᠭ ᠮᠠᠲ᠋ᠧᠷᠢᠶᠠᠯ ᠢ ᠤᠯᠤᠭᠰᠠᠨ ᠤ ᠳᠠᠷᠠᠭ᠎ᠠ᠂ ᠪᠡᠯᠡ ᠮᠦᠩᠭᠦ ᠶᠢ ᠴᠠᠭ ᠲᠤᠬᠠᠢ ᠳᠤᠨᠢ  ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠳ᠋ ᠤᠨ ᠵᠠᠰᠠᠭ ᠤᠨ ᠲᠣᠪᠴᠢᠶ᠎ᠠ ᠳᠤ ᠰᠢᠭᠤᠳ ᠰᠢᠯᠵᠢᠭᠦᠯᠦᠨ  ᠥᠭᠴᠦ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠳ᠋ ᠤᠨ ᠵᠠᠰᠠᠭ ᠤᠨ ᠲᠣᠪᠴᠢᠶ᠎ᠠ ᠰᠤᠷᠤᠭᠴᠢ ᠶᠢ ᠡᠳ᠋  ᠮᠦᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠠᠩᠭᠠᠭᠰᠠᠨ ᠰᠤᠷᠤᠭᠴᠢᠳ ᠤᠨ ᠨᠡᠷᠡᠰ ᠪᠣᠯᠣᠨ  ᠪᠠᠩᠭᠢ ᠶᠢᠨ ᠳᠠᠩᠰᠠᠨ ᠤ ᠳ᠋ᠤᠭᠠᠷ ᠢ ᠦᠨᠳᠦᠰᠦᠯᠡᠨ᠂ ᠡᠳ᠋ ᠮᠦᠩᠭᠦ ᠪᠠᠷ ᠲᠤᠰᠠᠯᠠᠬᠤ ᠪᠡᠯᠡ ᠮᠦᠩᠭᠦ ᠶᠢ  ᠰᠤᠷᠤᠭᠴᠢ ᠶᠢᠨ ᠪᠠᠩᠭᠢ ᠶᠢᠨ ᠺᠠᠷᠲ ᠲᠤ ᠴᠠᠭ ᠲᠤᠬᠠᠢ ᠳᠤᠨᠢ ᠣᠷᠤᠭᠤᠯᠵᠦ ᠦᠭᠭᠦᠨ᠎ᠡ᠃       ︵ᠬᠤᠶᠠᠷ︶ ᠬᠤᠲᠠ ᠬᠦᠳᠡᠭᠡ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠤᠰᠤᠳ  ᠰᠤᠷᠤᠭᠴᠢᠳ ᠲᠤ ᠬᠠᠨᠳᠤᠭᠤᠯᠤᠭᠰᠠᠨ ᠡᠳ᠋ ᠮᠦᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠬᠤᠲᠠ ᠬᠦᠳᠡᠭᠡ ᠶᠢᠨ  ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠤᠰᠤᠳ ᠰᠤᠷᠤᠭᠴᠢᠳ ᠲᠤ ᠡᠩ ᠤᠨ ᠳᠡᠭᠡᠳᠦ ᠰᠤᠷᠭᠠᠭᠤᠯᠢ ᠶᠢᠨ  ᠰᠢᠨ᠎ᠡ ᠰᠤᠷᠤᠭᠴᠢ ᠰᠤᠷᠭᠠᠭᠤᠯᠢ ᠳᠤ ᠣᠷᠤᠬᠤ ᠶᠢᠨ ᠡᠳ᠋ ᠮᠦᠩᠭᠦ ᠪᠠᠷ ᠲᠤᠰᠠᠯᠠᠬᠤ ᠶᠢ ᠬᠡᠷᠡᠭᠵᠢᠭᠦᠯᠬᠦ ᠶᠢᠨ ᠪᠤᠳᠠᠳᠠᠢ  ᠲᠥᠷᠥ ᠶᠢᠨ ᠪᠣᠳᠣᠯᠭ᠎ᠠ ᠶᠢᠨ ᠪᠠᠶᠢᠭ᠎ᠠ ᠠᠶᠢᠮᠠᠭ ᠬᠤᠲᠠ ᠠᠴᠠ ᠦᠪᠡᠷ ᠲᠡᠭᠡᠨ ᠲᠣᠭᠲᠠᠭᠠᠵᠤ᠂ ᠬᠡᠷᠡᠭᠰᠡᠬᠦ ᠪᠡᠯᠡ  ᠮᠦᠩᠭᠦ ᠶᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠠᠴᠠ ᠡᠭᠦᠷᠭᠡᠯᠡᠬᠦ ᠶᠢᠨ ᠬᠠᠮᠲᠤ  ᠦᠪᠡᠷᠲᠡᠭᠡᠨ ᠵᠠᠰᠠᠬᠤ ᠣᠷᠣᠨ ᠳᠤ ᠮᠡᠳᠡᠭᠦᠯᠵᠦ ᠳᠠᠩᠰᠠᠯᠠᠭᠤᠯᠤᠨ᠎ᠠ᠃          ᠭᠤᠷᠪᠠ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ    ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠭᠡᠷ ᠪᠦᠯᠢ ᠶᠢᠨ ᠠᠵᠤ  ᠠᠬᠤᠢ ᠨᠢ ᠬᠦᠴᠢᠷᠳᠡᠯᠲᠡᠢ ᠰᠤᠷᠤᠭᠴᠢᠳ ᠲᠤ ᠡᠩ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ  ᠰᠤᠷᠭᠠᠭᠤᠯᠢ ᠳᠤ ᠣᠷᠤᠬᠤ ᠶᠢᠨ ᠡᠳ᠋ ᠮᠦᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠨᠢᠭᠡᠲᠦᠯᠲᠡᠢ  ᠪᠠᠶᠢᠷᠢᠯᠠᠭᠤᠯᠤᠨ᠂ ᠨᠠᠷᠢᠨ ᠨᠢᠮᠪᠠᠢ ᠲᠣᠬᠢᠷᠠᠭᠤᠯᠵᠤ᠂ ᠨᠢᠮᠪᠠᠢ ᠵᠤᠬᠢᠶᠠᠨ ᠪᠠᠶᠢᠭᠤᠯᠵᠤ᠂ ᠡᠨᠡᠬᠦ ᠵᠦᠢᠯ ᠤᠨ ᠠᠷᠠᠳ ᠲᠤ  ᠠᠰᠢᠭ ᠬᠦᠷᠲᠡᠭᠡᠬᠦ ᠠᠵᠢᠯ ᠢ ᠦᠨᠡᠨᠬᠦ ᠪᠤᠳᠠᠳᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ᠃          ︵ᠨᠢᠭᠡ︶ ᠬᠠᠷᠢᠯᠴᠠᠨ ᠨᠢᠭᠲᠠ ᠬᠠᠮᠵᠢᠯᠴᠠᠬᠤ ᠬᠡᠷᠡᠭᠲᠡᠢ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ᠂ ᠠᠷᠠᠳ ᠤᠨ ᠶᠠᠪᠤᠳᠠᠯ ᠪᠣᠯᠣᠨ ᠡᠳ᠋ ᠤᠨ  ᠵᠠᠰᠠᠭ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠭᠲᠠ  ᠬᠠᠮᠵᠢᠯᠴᠠᠨ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠲᠦᠷᠭᠡᠬᠡᠨ ᠰᠤᠳᠤᠯᠤᠨ ᠲᠣᠭᠲᠠᠭᠠᠵᠤ᠂ ᠡᠯ᠎ᠡ  ᠭᠠᠵᠠᠷ ᠣᠷᠣᠨ ᠤ ᠠᠵᠢᠯ ᠦᠷᠨᠢᠭᠦᠯᠵᠦ ᠪᠠᠶᠢᠭ᠎ᠠ ᠪᠠᠶᠢᠳᠠᠯ ᠢ ᠵᠢᠯᠤᠭᠤᠳᠴᠤ᠂ ᠪᠠᠶᠢᠴᠠᠭᠠᠵᠤ᠂ ᠰᠢᠮᠳᠠᠭᠤᠯᠬᠤ  ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠤᠭᠤᠳ ᠵᠣᠬᠢᠴᠠᠩᠭᠤᠢ ᠠᠵᠢᠯ ᠤᠨ ᠲᠤᠭᠲᠠᠴᠠ  ᠪᠠᠶᠢᠭᠤᠯᠵᠤ᠂ ᠣᠳᠣ ᠪᠠᠶᠢᠭ᠎ᠠ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠥᠭᠰᠡᠨ ᠰᠠᠭᠤᠷᠢᠨ ᠳᠡᠭᠡᠷ᠎ᠡ᠂ ᠰᠤᠷᠤᠭᠴᠢ ᠶᠢ  ᠡᠳ᠋ ᠮᠦᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠤᠨ ᠪᠦᠷᠢᠨᠰᠢᠭᠦᠯᠵᠦ᠂ ᠪᠤᠳᠠᠳᠠᠢ  ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠲᠤᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ  ᠬᠡᠷᠡᠭᠲᠡᠢ᠃       ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠡᠩ ᠤᠨ ᠳᠡᠭᠡᠳᠦ ᠰᠤᠷᠭᠠᠭᠤᠯᠢ ᠶᠢᠨ ᠡᠯᠰᠡᠬᠦ ᠴᠠᠭ  ᠬᠤᠭᠤᠴᠠᠭ᠎ᠠ ᠶᠢ ᠦᠨᠳᠦᠰᠦᠯᠡᠨ᠂ ᠴᠠᠭ ᠲᠤᠬᠠᠢ ᠳᠤᠨᠢ ᠬᠦᠯᠢᠶᠡᠨ ᠠᠪᠬᠤ ᠶᠢᠨ ᠬᠠᠮᠲᠤ ᠠᠩᠬᠠᠨ ᠤ ᠬᠢᠨᠠᠯᠲᠠ ᠶᠢ  ᠦᠡᠭᠬᠡᠷᠡᠬᠡᠭᠰᠡᠨ ᠡᠳ᠋ ᠮᠦᠩᠭᠦ ᠶᠢᠨ ᠲᠤᠰᠠᠯᠠᠮᠵᠢ ᠬᠦᠷᠲᠡᠬᠦ ᠰᠤᠷᠤᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ  ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠬᠠᠩᠭᠠᠬᠤ ᠬᠡᠷᠡᠭᠲᠡᠢ︔ ᠠᠷᠠᠳ ᠤᠨ ᠶᠠᠪᠤᠳᠠᠯ ᠤᠨ ᠰᠠᠯᠠᠭ᠎ᠠ  ᠮᠦᠴᠢᠷ ᠨᠢ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠨ ᠬᠠᠩᠭᠠᠭᠰᠠᠨ ᠮᠡᠳᠡᠭᠡ ᠵᠠᠩᠭᠢ ᠶᠢ ᠦᠨᠳᠥᠰᠥᠯᠡᠨ᠂  ᠡᠩ ᠤᠨ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ  ᠰᠤᠷᠤᠭᠴᠢᠳ ᠤᠨ ᠨᠡᠷᠡᠰ ᠢ ᠴᠠᠭ ᠲᠣᠬᠠᠢ ᠳᠤᠨᠢ ᠨᠤᠲᠠᠯᠠᠬᠤ ᠬᠡᠷᠡᠭᠲᠡᠢ︔ ᠰᠤᠷᠤᠭᠴᠢ ᠶᠢ ᠡᠳ᠋ ᠮᠦᠩᠭᠦ ᠪᠠᠷ  ᠲᠤᠰᠠᠯᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ  ᠨᠤᠲᠠᠯᠠᠭᠰᠠᠨ ᠡᠩ ᠤᠨ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ  ᠰᠤᠷᠤᠭᠴᠢᠳ ᠤᠨ ᠨᠡᠷᠡᠰ ᠢ ᠦᠨᠳᠦᠰᠦᠯᠡᠨ᠂ ᠴᠠᠭ ᠲᠤᠬᠠᠢ ᠳᠤᠨᠢ ᠨᠡᠶᠢᠲᠡ ᠳᠤ ᠵᠠᠷᠯᠠᠬᠤ ᠶᠢᠨ ᠬᠠᠮᠲᠤ ᠡᠳ᠋  ᠮᠦᠩᠭᠦ ᠪᠠᠷ ᠲᠤᠰᠠᠯᠠᠬᠤ ᠪᠡᠯᠡ ᠮᠦᠩᠭᠦ ᠶᠢ ᠣᠯᠭᠤᠬᠤ ᠬᠡᠷᠡᠭᠲᠡᠢ︔ ᠡᠳ᠋ ᠤᠨ ᠵᠠᠰᠠᠭ ᠤᠨ ᠰᠠᠯᠠᠭ᠎ᠠ ᠮᠦᠴᠢᠷ ᠡᠳ᠋  ᠮᠦᠩᠭᠦ ᠪᠠᠷ ᠲᠤᠰᠠᠯᠠᠬᠤ ᠪᠡᠯᠡ ᠮᠦᠩᠭᠦ ᠴᠤᠭᠯᠠᠭᠤᠯᠬᠤ ᠪᠠ ᠴᠠᠭ ᠲᠤᠬᠠᠢ ᠳᠤᠨᠢ ᠪᠠᠭᠤᠯᠭᠠᠬᠤ᠂ ᠰᠠᠯᠭᠠᠨ ᠥᠭᠬᠦ  ᠠᠵᠢᠯ ᠢ ᠰᠠᠶᠢᠲᠤᠷ ᠬᠢᠬᠦ ᠬᠡᠷᠡᠭᠲᠡᠢ᠃          ︵ᠬᠤᠶᠠᠷ︶ ᠪᠡᠯᠡ ᠮᠦᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ          ᠡᠳ᠋ ᠮᠦᠩᠭᠦ ᠪᠠᠷ ᠲᠤᠰᠠᠯᠠᠬᠤ ᠪᠡᠯᠡ ᠮᠦᠩᠭᠦ ᠶᠢ ᠨᠠᠶᠢᠳᠠᠪᠤᠷᠢᠵᠢᠭᠤᠯᠤᠨ ᠣᠷᠣᠨ ᠪᠠᠶᠢᠷᠢ ᠳᠤᠨᠢ  ᠬᠦᠷᠥᠭᠦᠯᠵᠦ᠂ ᠨᠦᠬᠦᠴᠡᠯ ᠳᠤ ᠨᠡᠶᠢᠴᠡᠬᠦ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ ᠴᠠᠭ  ᠲᠤᠬᠠᠢ ᠳᠠᠭᠠᠨ ᠡᠳ᠋ ᠮᠦᠩᠭᠦ ᠶᠢᠨ ᠲᠤᠰᠠᠯᠠᠮᠵᠢ ᠣᠯᠬᠤ ᠶᠢ ᠦᠨᠡᠨᠬᠦ ᠪᠠᠲᠤᠯᠠᠬᠤ ᠶᠢᠨ ᠲᠤᠰᠠᠲᠠ᠂ ᠡᠳ᠋ ᠮᠦᠩᠭᠦ ᠪᠠᠷ  ᠲᠤᠰᠠᠯᠠᠬᠤ ᠪᠡᠯᠡ ᠮᠦᠩᠭᠦ ᠳᠤ ︽ᠲᠤᠰᠬᠠᠢ ᠳᠠᠩᠰᠠ ᠪᠠᠷ ᠬᠠᠮᠢᠶᠠᠷᠬᠤ᠂ ᠳᠠᠩᠰᠠ ᠢᠯᠭᠠᠨ ᠲᠣᠭᠠᠴᠠᠭ᠎ᠠ ᠬᠢᠬᠦ᠂  ᠪᠢᠲᠡᠭᠦᠦ ᠪᠠᠷ ᠡᠷᠭᠢᠯᠳᠥᠭᠦᠯᠬᠦ︾᠎ ᠶᠢ ᠬᠡᠷᠡᠭᠵᠢᠭᠦᠯᠦᠨ᠎ᠡ᠃          ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠳ᠋ ᠮᠦᠩᠭᠦ ᠪᠠᠷ ᠲᠤᠰᠠᠯᠠᠬᠤ ᠪᠡᠯᠡ  ᠮᠦᠩᠭᠦ ᠶᠢ ᠭᠦᠢᠴᠡᠳ ᠲᠤᠭ᠎ᠠ ᠪᠠᠷ ᠲᠣᠬᠢᠷᠠᠭᠤᠯᠤᠨ᠂ ᠴᠠᠭ ᠲᠣᠬᠠᠢ ᠳᠤᠨᠢ ᠰᠠᠯᠭᠠᠨ ᠥᠭᠴᠦ᠂ ᠡᠯ᠎ᠡ ᠭᠠᠵᠠᠷ  ᠣᠷᠣᠨ ᠨᠤᠭᠤᠳ ᠬᠤᠲᠠ ᠬᠦᠳᠡᠭᠡ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠪᠤᠰᠤᠳ  ᠰᠤᠷᠤᠭᠴᠢᠳ ᠲᠤ ᠡᠩ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠤᠭᠴᠢ ᠰᠤᠷᠭᠠᠭᠤᠯᠢ ᠳᠤ ᠣᠷᠤᠬᠤ ᠶᠢᠨ ᠡᠳ᠋  ᠮᠦᠩᠭᠦ ᠪᠠᠷ ᠲᠤᠰᠠᠯᠠᠬᠤ ᠲᠠᠯ᠎ᠠ ᠪᠠᠷ ᠬᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢ ᠲᠦᠷᠭᠡᠬᠡᠨ ᠲᠣᠭᠲᠠᠭᠠᠵᠤ᠂ ᠪᠡᠯᠡ  ᠮᠦᠩᠭᠦ ᠶᠢ ᠪᠤᠳᠠᠳᠠᠢ ᠬᠤᠪᠢᠳᠠᠨ ᠡᠭᠦᠷᠭᠡᠯᠡᠬᠦ ᠠᠷᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠡᠳ᠋ ᠤᠨ  ᠵᠠᠰᠠᠭ ᠠᠵᠦ ᠠᠬᠤᠢ ᠶᠢᠨ ᠬᠠᠤᠯᠢ ᠲᠣᠭᠲᠠᠭᠠᠯ ᠪᠣᠯᠣᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢᠨ  ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠪᠡᠯᠡ ᠮᠦᠩᠭᠦ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠴᠠᠭ  ᠲᠤᠬᠠᠢ ᠳᠤᠨᠢ ᠣᠯᠭᠤᠬᠤ᠂ ᠲᠤᠰᠬᠠᠢ ᠵᠤᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠬᠢᠨᠠᠨ ᠪᠤᠳᠤᠬᠤ ᠰᠠᠯᠠᠭ᠎ᠠ ᠮᠦᠴᠢᠷ ᠤᠳ ᠡᠳ᠋ ᠮᠦᠩᠭᠦ ᠪᠠᠷ ᠲᠤᠰᠠᠯᠠᠬᠤ ᠪᠡᠯᠡ ᠮᠦᠩᠭᠦ ᠶᠢ  ᠲᠤᠰᠬᠠᠢ ᠵᠦᠢᠯ ᠢᠶᠠᠷ ᠬᠢᠨᠠᠨ ᠪᠤᠳᠤᠬᠤ ᠪᠠ ᠣᠨ ᠤ ᠬᠢᠨᠠᠨ ᠪᠤᠳᠤᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠪᠡᠯᠡ  ᠮᠦᠩᠭᠦ ᠶᠢ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃          ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠰᠤᠷᠭᠠᠨ ᠬᠦᠮᠦᠵᠢᠯ᠂ ᠠᠷᠠᠳ ᠤᠨ ᠶᠠᠪᠤᠳᠠᠯ᠂  ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠤᠳ ᠨᠢᠭᠲᠠ ᠬᠠᠮᠵᠢᠯᠴᠠᠵᠤ᠂ ᠲᠤᠰᠠᠯᠠᠮᠵᠢ ᠬᠦᠷᠲᠡᠬᠦ ᠰᠤᠷᠤᠭᠴᠢᠳ ᠢ  ᠬᠢᠨᠠᠬᠤ᠂ ᠬᠤᠷᠢᠶᠠᠩᠭᠤᠶᠢᠯᠠᠬᠤ ᠪᠠ ᠡᠳ᠋ ᠮᠦᠩᠭᠦ ᠪᠠᠷ ᠲᠣᠰᠠᠯᠠᠬᠤ ᠪᠡᠯᠡ ᠮᠦᠩᠭᠦ ᠣᠯᠭᠤᠬᠤ ᠠᠵᠢᠯ ᠢ ᠦᠨᠡᠨᠬᠦ  ᠴᠢᠩᠭᠠᠳᠬᠠᠵᠤ᠂ ᠡᠩ ᠤᠨ ᠳᠡᠭᠡᠳᠦ ᠰᠤᠷᠭᠠᠭᠤᠯᠢ ᠳᠤ ᠰᠢᠨ᠎ᠡ ᠪᠠᠷ ᠰᠢᠯᠭᠠᠨ ᠣᠷᠤᠭᠰᠠᠨ ᠭᠡᠷ ᠪᠦᠯᠢ ᠶᠢᠨ ᠠᠵᠤ  ᠠᠬᠤᠢ ᠨᠢ ᠬᠦᠴᠢᠷᠳᠡᠯᠲᠡᠢ ᠰᠣᠷᠤᠭᠴᠢ ᠨᠢᠭᠡᠪᠥᠷᠢ ᠶᠢᠨ ᠴᠠᠭ ᠲᠣᠬᠠᠢ ᠳᠠᠭᠠᠨ ᠡᠳ᠋ ᠮᠦᠩᠭᠦ ᠶᠢᠨ ᠲᠤᠰᠠᠯᠠᠮᠵᠢ  ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ᠂ ᠠᠷᠠᠳ ᠤᠨ  ᠶᠠᠪᠤᠳᠠᠯ᠂ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠤᠳ ᠲᠤᠰᠠᠯᠠᠮᠵᠢ ᠬᠦᠷᠲᠡᠭᠰᠡᠨ ᠰᠤᠷᠤᠭᠴᠢ ᠶᠢᠨ ᠦᠨᠡᠨ  ᠪᠤᠳᠠᠳᠤ ᠴᠢᠨᠠᠷ ᠪᠣᠯᠣᠨ ᠪᠡᠯᠡ ᠮᠦᠩᠭᠦ ᠶᠢ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ  ᠪᠠᠶᠢᠴᠠᠭᠠᠵᠤ᠂ ᠬᠤᠳᠠᠯ ᠢᠶᠠᠷ ᠬᠢᠵᠦ ᠬᠠᠭᠤᠷᠮᠠᠭᠯᠠᠨ ᠵᠤᠬᠢᠶᠠᠭᠰᠠᠨ ᠭᠠᠵᠠᠷ ᠣᠷᠣᠨ ᠢ ᠰᠢᠮᠳᠠᠭᠤᠯᠵᠦ ᠪᠠᠶᠢᠭᠠᠳ  ᠬᠤᠭᠤᠴᠠᠭ᠎ᠠ ᠬᠢᠵᠠᠭᠠᠷᠯᠠᠨ ᠵᠠᠯᠠᠷᠠᠭᠤᠯᠭ᠎ᠠ ᠬᠢᠯᠭᠡᠬᠦ ᠬᠡᠷᠡᠭᠲᠡᠢ᠃ ᠪᠡᠯᠡ ᠮᠦᠩᠭᠦ ᠶᠢ ᠰᠢᠬᠠᠨ ᠡᠵᠡᠯᠡᠭᠰᠡᠨ᠂  ᠳᠤᠮᠳᠠ ᠠᠴᠠ ᠨᠢ ᠲᠠᠰᠤᠳᠠᠨ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ  ᠠᠪᠤᠭᠰᠠᠨ ᠵᠡᠷᠭᠡ ᠦᠢᠯᠡ ᠠᠵᠢᠯᠯᠠᠭ᠎ᠠ ᠶᠢ ︽ᠡᠳ᠋ ᠤᠨ ᠵᠠᠰᠠᠭ ᠤᠨ ᠬᠠᠤᠯᠢ ᠠᠴᠠ ᠵᠦᠷᠢᠴᠡᠭᠰᠡᠨ ᠦᠢᠯᠡ  ᠠᠵᠢᠯᠯᠠᠭ᠎ᠠ ᠶᠢ ᠰᠢᠳᠭᠡᠨ ᠲᠣᠷᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 427 ᠳ᠋ᠤᠭᠠᠷ  ᠲᠣᠭᠠᠲᠤ︶᠎ ᠤᠨ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ ᠲᠥᠪ ᠴᠢᠩᠭ᠎ᠠ ᠰᠢᠢᠳᠪᠦᠷᠢᠯᠡᠬᠦ ᠶᠢᠨ ᠬᠠᠮᠲᠤ ᠬᠠᠮᠢᠶ᠎ᠠ  ᠪᠦᠬᠦᠢ ᠬᠦᠮᠦᠰ ᠤᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ ᠬᠡᠷᠡᠭᠲᠡᠢ᠃          ︵ᠭᠤᠷᠪᠠ︶ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠬᠦ ᠬᠡᠷᠡᠭᠲᠡᠢ          ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ  ᠮᠦᠴᠢᠷ ᠤᠳ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ᠡᠩ ᠤᠨ ᠳᠡᠭᠡᠳᠦ  ᠰᠤᠷᠭᠠᠭᠤᠯᠢ ᠶᠢᠨ ᠰᠢᠨ᠎ᠡ ᠰᠤᠷᠤᠭᠴᠢ ᠰᠤᠷᠭᠠᠭᠤᠯᠢ ᠳᠤ ᠣᠷᠤᠬᠤ ᠶᠢᠨ ᠡᠳ᠋ ᠮᠦᠩᠭᠦ ᠪᠠᠷ ᠲᠤᠰᠠᠯᠠᠬᠤ ᠲᠥᠷᠥ ᠶᠢᠨ  ᠪᠣᠳᠣᠯᠭ᠎ᠠ ᠶᠢ ᠬᠡᠷᠡᠭᠵᠢᠭᠦᠯᠬᠦ ᠤᠬᠠᠭᠤᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠨᠡᠨᠬᠦ  ᠶᠠᠪᠤᠭᠳᠠᠭᠤᠰᠢᠲᠠᠢ ᠤᠬᠠᠭᠤᠯᠭ᠎ᠠ ᠶᠢᠨ ᠲᠦᠰᠦᠯ ᠲᠣᠭᠲᠠᠭᠠᠵᠤ᠂ ᠡᠯ᠎ᠡ ᠵᠦᠢᠯ ᠤᠨ ᠤᠬᠠᠭᠤᠯᠭ᠎ᠠ ᠶᠢᠨ  ᠵᠠᠭᠤᠴᠢᠯᠠᠭᠤᠷ ᠢ ᠦᠷᠭᠡᠨ ᠢᠶᠠᠷ ᠠᠰᠢᠭᠯᠠᠨ᠂ ᠣᠯᠠᠨ ᠵᠦᠢᠯ ᠤᠨ ᠬᠡᠯᠪᠡᠷᠢ ᠶᠢ ᠠᠪᠴᠦ᠂ ᠪᠦᠬᠦ ᠨᠡᠶᠢᠭᠡᠮ ᠳᠤ  ᠬᠦᠨᠵᠡᠭᠡᠢ ᠤᠬᠠᠭᠤᠯᠤᠨ᠂ ᠨᠠᠮ ᠪᠤᠯᠤᠨ ᠵᠠᠰᠠᠭ ᠤᠨ ᠣᠷᠳᠤᠨ ᠤ ᠡᠨᠡᠬᠦ ᠵᠦᠢᠯ ᠤᠨ ᠠᠷᠠᠳ ᠲᠤ ᠠᠰᠢᠭ ᠬᠦᠷᠲᠡᠭᠡᠬᠦ  ᠲᠥᠷᠥ ᠶᠢᠨ ᠪᠣᠳᠣᠯᠭ᠎ᠠ ᠶᠢ ᠡᠷᠥᠬᠡ ᠪᠦᠷᠢ ᠬᠦᠮᠦᠨ ᠪᠦᠬᠦᠨ ᠳᠤ ᠮᠡᠳᠡᠭᠦᠯᠵᠦ᠂ ᠬᠦᠮᠦᠰ ᠤᠨ ᠰᠡᠳᠬᠢᠯ ᠳᠤ  ᠭᠦᠨᠵᠡᠭᠡᠶᠢᠷᠡᠭᠦᠯᠥᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠤᠳᠠᠲᠦ ᠭᠠᠵᠠᠷ ᠲᠤᠨᠢ   ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃      
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号