ᠵᠢᠯᠣᠭᠤᠴᠢ ᠶᠢᠨ ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠶᠢ  ᠭᠦᠢᠴᠡᠳᠬᠡᠬᠦ  ᠲᠣᠬᠠᠶᠢᠯᠠᠭᠰᠠᠨ ᠠᠵᠢᠯ ᠤᠨ ᠵᠥᠭᠯᠡᠭᠦᠷ
ᠨᠡᠶᠢᠲᠡᠯᠡᠭᠰᠡᠨ ᠴᠠᠭ᠄
2016/7/18
   ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄          ᠡᠷᠦᠬᠡ ᠠᠮᠠ ᠪᠤᠶᠤ ᠰᠠᠭᠤᠭ᠎ᠠ ᠭᠠᠵᠠᠷ ᠢᠶᠠᠨ ᠬᠤᠪᠢᠷᠠᠭᠤᠯᠬᠤ ᠳᠤ᠂ ᠮᠠᠰᠢᠨ ᠲᠡᠷᠭᠡᠨ ᠤ  ᠵᠢᠯᠣᠭᠤᠴᠢ ᠶᠢᠨ ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠪᠠᠷ ᠭᠤᠶᠤᠴᠢᠯᠠᠨ᠎ᠠ᠃          ᠬᠤᠶᠠᠷ᠂ ᠬᠡᠷᠡᠭᠴᠡᠭᠡ ᠪᠦᠬᠦᠢ ᠮᠠᠲ᠋ᠧᠷᠢᠶᠠᠯ          1. ᠭᠠᠷ ‍ᠤᠨ‌ᠦᠰᠦᠭ ᠢᠶᠠᠨ ᠵᠢᠷᠤᠭᠰᠠᠨ ︽ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠤᠨ  ᠭᠤᠶᠤᠴᠢᠯᠠᠯ ᠤᠨ ᠬᠦᠰᠦᠨᠦᠭᠲᠦ︾          2. ᠵᠢᠯᠣᠭᠤᠴᠢ ᠶᠢᠨ ᠪᠡᠶ᠎ᠡ ᠶᠢᠨ ᠭᠡᠷᠡᠴᠢ  ︵ᠳᠠᠷᠣᠢ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ  ︾ ᠪᠤᠶᠤ ︽ᠲᠦᠷ ᠴᠠᠭ ᠤᠨ ᠪᠡᠶ᠎ᠡ ᠶᠢᠨ ᠦᠨᠡᠮᠯᠡᠯ︾︶᠎ ᠤᠨ ᠤᠭ ᠵᠦᠢᠯ ᠵᠢᠴᠢ ᠬᠠᠭᠤᠯᠪᠤᠷᠢ᠃          3. ᠰᠢᠶᠠᠨ ᠪᠤᠶᠤ ᠴᠡᠷᠢᠭ ᠠᠩᠭᠢ ᠶᠢᠨ ᠬᠤᠷᠢᠶᠠᠨ ᠤ ᠱᠠᠳᠤᠨ ᠠᠴᠠ ᠳᠡᠭᠡᠭᠰᠢᠬᠢ ᠡᠮᠴᠢᠯᠡᠭᠡ ᠶᠢᠨ  ᠪᠠᠶᠢᠭᠤᠯᠤᠮᠵᠢ ᠶᠢᠨ ᠬᠢᠵᠦ ᠥᠭᠭᠦᠭᠰᠡᠨ ᠪᠡᠶ᠎ᠡ ᠮᠠᠬᠠᠪᠤᠳ ᠤᠨ ᠨᠥᠬᠦᠴᠡᠯ ᠤᠨ ᠲᠣᠬᠠᠢ ᠭᠡᠷᠡᠴᠢ᠃          4. ᠳᠥᠷᠪᠡᠨ ᠬᠤᠪᠢ ᠣᠶᠢᠷ᠎ᠡ ᠶᠢᠨ ᠬᠤᠭᠤᠴᠠᠭᠠᠨ ᠤ ᠴᠠᠭᠠᠨ ᠳᠡᠪᠢᠰᠭᠡᠷ ᠲᠠᠢ ᠨᠢᠭᠡ ᠢᠮᠠᠬᠤ ᠶᠢᠨ  ᠮᠠᠯᠠᠭᠠᠢ ᠦᠭᠡᠢ ᠪᠤᠳᠤᠭᠲᠤ ᠭᠡᠷᠡᠯ ᠵᠢᠷᠤᠭ᠃          5 . ᠤᠭ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ᠃          ᠭᠤᠷᠪᠠ᠂  ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠵᠦ ᠪᠣᠯᠣᠨ᠎ᠠ          1. ᠣᠷᠣᠯᠠᠨ ᠭᠦᠢᠴᠡᠳᠬᠡᠭᠴᠢ ᠨᠢ ᠬᠤᠪᠢ ᠬᠥᠮᠥᠨ ᠪᠣᠯ᠂  ᠠᠯᠪᠠᠨ ᠭᠡᠷᠡᠴᠢᠯᠡᠯᠭᠡ ᠬᠢᠯᠭᠡᠭᠰᠡᠨ  ᠨᠠᠶᠢᠳᠠᠯᠭ᠎ᠠ ᠶᠢᠨ ᠪᠢᠴᠢᠭ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ  ᠪᠠ  ᠬᠠᠭᠤᠯᠪᠤᠷᠢ ᠶᠢ ᠲᠤᠰᠢᠶᠠᠨ᠎ᠠ᠃          2. ᠣᠷᠣᠯᠠᠨ ᠭᠦᠢᠴᠡᠳᠬᠡᠭᠴᠢ ᠨᠢ ᠨᠢᠭᠡᠴᠡ ᠪᠣᠯ᠂ ᠲᠣᠰ ᠨᠢᠭᠡᠴᠡ ᠶᠢᠨ ᠲᠠᠨᠢᠯᠴᠠᠭᠤᠯᠭ᠎ᠠ ᠶᠢᠨ  ᠪᠢᠴᠢᠭ ᠵᠢᠴᠢ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ︽ᠰᠠᠭᠤᠭᠠᠯᠢ  ᠠᠷᠠᠳ ᠤᠨ ᠪᠡᠶ᠎ᠡ ᠶᠢᠨ ᠦᠨᠡᠮᠯᠡᠯ︾ ᠎ ᠤᠨ ᠤᠭ ᠵᠦᠢᠯ  ᠪᠠ ᠬᠠᠭᠤᠯᠪᠤᠷᠢ ᠶᠢ ᠲᠤᠰᠢᠶᠠᠨ᠎ᠠ᠃              3.ᠣᠷᠣᠯᠠᠨ ᠭᠦᠢᠴᠡᠳᠬᠡᠭᠴᠢ ᠨᠢ ᠬᠠᠨᠢ ᠨᠥᠬᠦᠷ ᠤᠨ ᠬᠠᠷᠢᠴᠠᠭ᠎ᠠ ᠲᠠᠢ ᠪᠣᠯ᠂ ︽ ᠤᠷᠤᠭ ᠤᠨ  ᠦᠨᠡᠮᠯᠡᠯ︾ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ  ᠪᠠ ᠬᠠᠭᠤᠯᠪᠤᠷᠢ ᠶᠢ  ᠲᠤᠰᠢᠶᠠᠨ᠎ᠠ᠃          4.ᠣᠷᠣᠯᠠᠨ ᠭᠦᠢᠴᠡᠳᠬᠡᠭᠴᠢ ᠨᠢ ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ  ᠬᠠᠷᠢᠴᠠᠭ᠎ᠠ ᠎ ᠲᠠᠢ ᠪᠣᠯ᠂ ᠰᠠᠳᠤᠨ ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ︽  ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠎ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号