ᠥᠪᠥᠷ ᠵᠠᠰᠠᠭ ᠲᠠᠷᠬᠠᠭᠠᠭᠰᠠᠨ ﹇2014﹈ 135 ᠳ᠋ᠤᠭᠠᠷ ᠲᠤᠭᠠᠳᠤ | | 2014 ᠣᠨ ᠤ 12 ᠳ᠋ᠤᠭᠠᠷ ᠰᠠᠷ᠎ᠠ ᠶᠢᠨ 31 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ | ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠡ ᠳᠤ᠄ ︽ᠨᠡᠭᠦᠷᠡᠰᠦᠨ ᠡᠬᠢ ᠪᠠᠶᠠᠯᠢᠭ ᠤᠨ ᠭᠠᠶᠢᠯᠢ ᠶᠢᠨ ᠦᠭᠡᠷᠡᠴᠢᠯᠡᠯᠲᠡ ᠶᠢ | ᠬᠡᠷᠡᠭᠵᠢᠭᠦᠯᠬᠦ ᠲᠣᠬᠠᠢ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠮᠡᠳᠡᠭᠳᠡᠯ︾ ︵ᠡᠳ᠋ ᠭᠠᠶᠢᠯᠢ ﹇2014﹈ 72 ᠳ᠋ᠤᠭᠠᠷ ᠲᠣᠭᠠᠲᠤ︶᠂ ︽ᠨᠡᠭᠦᠷᠡᠰᠦ ᠲᠥᠭᠦᠬᠡᠢ | ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ ᠰᠦᠢᠳᠭᠡᠯ ᠬᠤᠷᠢᠶᠠᠬᠤ ᠰᠠᠭᠤᠷᠢ ᠮᠦᠩᠭᠦ ᠳᠤ | ᠬᠤᠯᠪᠤᠭᠳᠠᠬᠤ ᠬᠠᠮᠢᠶ᠎ᠠ ᠪᠦᠬᠦᠢ ᠠᠰᠠᠭᠤᠳᠠᠯ ᠢ ᠪᠦᠬᠦ ᠲᠠᠯ᠎ᠠ ᠪᠠᠷ ᠢᠯᠭᠠᠷᠠᠭᠤᠯᠬᠤ ᠲᠣᠬᠠᠢ ᠡᠳ᠋ ᠤᠨ ᠵᠠᠰᠠᠭ ᠤᠨ | ᠶᠠᠮᠤᠨ ᠤᠯᠤᠰ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠮᠡᠳᠡᠭᠳᠡᠯ︾ ︵ᠡᠳ᠋ ᠭᠠᠶᠢᠯᠢ ﹇ | 2014﹈ 74 ᠳ᠋ᠦ᠋ᠭᠡᠷ ᠲᠣᠭᠠᠲᠤ︶ ᠵᠢᠴᠢ ︽ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ | ᠨᠡᠭᠦᠷᠡᠰᠦᠨ ᠡᠬᠢ ᠪᠠᠶᠠᠯᠢᠭ ᠤᠨ ᠭᠠᠶᠢᠯᠢ ᠳᠤ ᠬᠡᠷᠡᠭᠯᠡᠭᠳᠡᠬᠦ ᠭᠠᠶᠢᠯᠢ ᠶᠢᠨ ᠨᠤᠷᠮ᠎ᠠ ᠶᠢᠨ ᠲᠣᠬᠠᠢ ᠡᠳ᠋ ᠤᠨ ᠵᠠᠰᠠᠭ ᠤᠨ | ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠴᠤᠬᠤᠯᠠᠪᠤᠷᠢ︾ ︵ᠡᠳ᠋ ᠭᠠᠶᠢᠯᠢ ﹇ | 2014﹈ 125 ᠳ᠋ᠤᠭᠠᠷ ᠲᠣᠭᠠᠲᠤ︶ ᠶᠢᠨ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠨ ᠤ | ᠣᠷᠣᠨ ᠤ ᠨᠡᠭᠦᠷᠡᠰᠦᠨ ᠡᠬᠢ ᠪᠠᠶᠠᠯᠢᠭ ᠢ ᠬᠠᠮᠠᠭᠠᠯᠠᠨ᠂ ᠡᠬᠢ ᠪᠠᠶᠠᠯᠢᠭ ᠤᠨ ᠣᠷᠴᠢᠨ ᠲᠣᠭᠤᠷᠢᠨ ᠤ ᠦᠷᠭᠦᠯᠵᠢᠯᠡᠨ | ᠬᠥᠭᠵᠢᠬᠦ ᠶᠢ ᠠᠬᠢᠭᠤᠯᠬᠤ ᠶᠢᠨ ᠲᠤᠰᠠᠳᠠ᠂ ᠡᠬᠢ ᠪᠠᠶᠠᠯᠢᠭ ᠤᠨ ᠬᠠᠳᠠᠭᠠᠯᠠᠭᠳᠠᠬᠤ ᠨᠦᠬᠦᠴᠡᠯ᠂ ᠰᠦᠢᠳᠭᠡᠯ | ᠬᠤᠷᠢᠶᠠᠬᠤ ︵ᠰᠠᠭᠤᠷᠢ ᠮᠦᠩᠭᠦ︶ ᠶᠢ ᠢᠯᠭᠠᠷᠠᠭᠤᠯᠬᠤ᠂ ᠭᠠᠶᠢᠯᠢ ᠲᠤᠰᠢᠶᠠᠭᠴᠢ ᠶᠢᠨ ᠳᠠᠭᠠᠭᠠᠬᠤ ᠴᠢᠳᠠᠪᠤᠷᠢ ᠵᠡᠷᠭᠡ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠪᠦᠬᠦ ᠣᠷᠣᠨ ᠤ ᠨᠡᠭᠦᠷᠡᠰᠦᠨ ᠡᠬᠢ | ᠪᠠᠶᠠᠯᠢᠭ ᠤᠨ ᠭᠠᠶᠢᠯᠢ ᠳᠤ ᠬᠡᠷᠡᠭᠯᠡᠭᠳᠡᠬᠦ ᠭᠠᠶᠢᠯᠢ ᠶᠢᠨ ᠨᠤᠷᠮ᠎ᠠ ᠶᠢ 9% ᠪᠣᠯᠭᠠᠬᠤ ᠪᠠᠷ ᠶᠠᠷᠢᠯᠴᠠᠨ ᠲᠣᠭᠲᠠᠵᠤ᠂ | 2014 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |