ᠥᠪᠥᠷ ᠵᠠᠰᠠᠭ ᠲᠠᠷᠬᠠᠭᠠᠭᠰᠠᠨ ﹇2015﹈ 21 ᠳ᠋ᠦ᠋ᠭᠡᠷ ᠲᠤᠭᠠᠳᠤ | 2 ᠳ᠋ᠤᠭᠠᠷ ᠰᠠᠷ᠎ᠠ ᠶᠢᠨ 9 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ | ᠣᠷᠳᠣᠨ᠂ ᠦᠪᠡᠷᠳᠡᠭᠡᠨ ᠵᠠᠰᠬᠠᠥ ᠣᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ | ᠲᠣᠮᠣ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠦᠨᠳᠣᠰᠣᠨ ᠨᠠᠰᠣᠵᠢᠯ ᠤᠨ ᠳᠠᠭᠠᠳᠬᠠᠯ ᠤᠨ ᠳᠦᠷᠢᠮ ᠢ | ᠨᠢᠬᠡᠳᠦᠯᠳᠡᠢ ᠪᠠᠶᠢᠭᠤᠯᠬᠤ ᠲᠣᠬᠠᠢ ᠳᠦᠷᠦ ᠶᠢᠨ ᠶᠠᠪᠤᠳᠡᠯ ᠤᠨ ᠬᠤᠷᠢᠶ᠎ᠠ ᠶᠢᠨ ᠰᠠᠨᠠᠯ︾ ︵ᠳᠦᠷᠦ ᠳᠡᠷᠬᠠᠭᠠᠠᠠᠰᠠᠨ ﹇ | 2014﹈ 8 ᠳ᠋ᠣᠭᠠᠷ ᠲᠣᠭᠠᠳᠣ︶ ᠤᠨ ᠵᠣᠷᠢᠭ ᠰᠠᠨᠠᠭ᠎ᠠ ᠶᠢ ᠦᠨᠳᠣᠰᠣᠯᠡᠵᠦ᠂ ᠦᠪᠡᠷᠳᠡᠭᠡᠨ ᠵᠠᠰᠬᠠᠥ ᠣᠷᠤᠨ ᠤ | ᠪᠤᠳᠠᠲᠠᠢ ᠲᠠᠢ ᠣᠶᠠᠯᠳᠣᠭᠤᠯᠥᠨ᠂ ᠡᠳᠣᠭᠡ ᠲᠣᠣᠷᠡᠬᠢ ᠮᠡᠳᠣ ᠰᠠᠨᠠᠯ ᠢ ᠲᠣᠷᠡᠳᠪᠡ᠄ | ᠨᠢᠭᠡ᠂ ᠵᠢᠯᠣᠭᠤᠳᠬᠤ ᠦᠵᠡᠯ ᠰᠠᠨᠠᠭ᠎ᠠ | ᠲᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠠᠭᠤᠥ ᠶᠡᠭᠡ ᠲᠤᠭ ᠢ ᠦᠨᠳᠣᠷ | ᠮᠠᠨᠳᠣᠭᠤᠯᠵᠦ᠂ ᠳ᠋ᠤᠩ ᠰᠢᠶᠥᠥ ᠫᠢᠡᠭ ᠤᠨ ᠣᠨᠣᠯ᠂ ︽ᠭᠤᠷᠪᠡ ᠶᠢ ᠳᠦᠯᠦᠭᠡᠯᠡᠬᠦ︾ ᠴᠢᠬᠤᠯᠡ ᠦᠵᠡᠯ ᠰᠠᠨᠠᠭ᠎ᠠ᠂ | ᠰᠢᠨᠵᠢᠯᠡᠬᠦ ᠣᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠣᠭᠤᠳᠣᠯᠭ᠎ᠠ ᠪᠤᠯᠭᠠᠵᠦ᠂ ᠪᠦᠬᠦᠨ ᠢ ᠬᠠᠮᠥᠷᠡᠭᠤᠯᠬᠤ᠂ | ᠦᠨᠳᠣᠰᠣᠨ ᠪᠠᠶᠢᠳᠡᠯ ᠢ ᠪᠠᠳᠣᠯᠬᠠᠥ᠂ ᠣᠶᠡᠨ ᠬᠠᠳᠡᠨ ᠴᠢᠨᠡᠷᠳᠡᠢ᠂ ᠦᠷᠬᠦᠯᠵᠢᠯᠡᠬᠦᠯᠬᠦ ᠴᠢᠭᠯᠡᠯᠳᠡ ᠶᠣᠰᠣᠭᠠᠷ᠂ ᠲᠥᠪ | ᠭᠤᠥᠯᠴᠢ ᠴᠢᠨᠡᠷ ᠢ ᠴᠢᠩᠭᠠᠷᠡᠭᠤᠯᠬᠤ᠂ ᠬᠦᠳᠡᠯᠦᠩᠬᠦᠢ ᠴᠢᠨᠠᠷ ᠲᠤ ᠵᠣᠬᠢᠴᠠᠭᠤᠯᠬᠤ᠂ ᠦᠷᠬᠦᠯᠵᠢᠯᠡᠬᠦᠯᠬᠦ ᠴᠢᠨᠡᠷ ᠢ | ᠪᠠᠳᠣᠯᠬᠠᠥ ᠪᠠᠷ ᠭᠤᠤᠯᠳᠡᠯᠭ᠎ᠠ ᠪᠤᠯᠭᠠᠵᠦ᠂ ᠪᠦᠬᠦ ᠬᠤᠳᠡ ᠬᠦᠳᠡᠭᠡ ᠶᠢᠨ ᠰᠠᠭᠤᠭᠠᠯᠢ ᠠᠷᠡᠳ ᠢ ᠬᠠᠮᠤᠷᠠᠭᠰᠠᠨ | ᠦᠨᠳᠣᠰᠣᠨ ᠨᠠᠰᠣᠵᠢᠯ ᠤᠨ ᠳᠠᠭᠠᠳᠬᠠᠯ ᠤᠨ ᠳᠦᠷᠢᠮ ᠢ ᠳᠡᠰᠣᠷᠡᠯᠳᠡ ᠦᠭᠡᠢ ᠳᠡᠬᠦᠯᠳᠡᠷᠵᠢᠬᠦᠯᠦᠨ᠂ ᠠᠷᠡᠳ | ᠳᠦᠮᠡᠨ ᠤ ᠦᠨᠳᠣᠰᠣᠨ ᠠᠮᠢᠳᠣᠷᠡᠯ ᠢ ᠪᠠᠳᠣᠯᠬᠠᠥ᠂ ᠨᠡᠶᠢᠭᠡᠮ ᠤᠨ ᠣᠷᠣᠯᠭ᠎ᠠ ᠶᠢᠨ ᠬᠤᠪᠢᠶᠡᠷᠢᠯᠡᠯᠳᠡ ᠶᠢ | ᠲᠣᠬᠢᠷᠡᠭᠤᠯᠬᠤ᠂ ᠬᠤᠳᠡ ᠬᠦᠳᠡᠭᠡ ᠶᠢᠨ ᠠᠵᠦ ᠠᠬᠤᠢ ᠨᠡᠶᠢᠭᠡᠮ ᠤᠨ ᠵᠣᠬᠢᠴᠠᠩᠭᠤᠢ ᠬᠦᠭᠵᠢᠯᠳᠡ ᠶᠢ ᠠᠬᠢᠭᠤᠯᠬᠤ | ᠲᠠᠯ᠎ᠠ ᠪᠠᠷ ᠬᠢ ᠨᠡᠶᠢᠭᠡᠮ ᠤᠨ ᠳᠠᠭᠠᠳᠬᠠᠯ ᠤᠨ ᠴᠢᠬᠤᠯᠡ ᠦᠢᠯᠡᠳᠣᠯ ᠢ ᠬᠦᠢᠴᠡᠳ ᠪᠠᠳᠠᠷᠠᠭᠤᠯᠬᠤ ᠬᠡᠷᠡᠭᠲᠡᠢ᠃ | | ᠬᠤᠶᠠᠷ᠂ ᠡᠬᠦᠷᠭᠡ ᠶᠢᠨ ᠬᠠᠷᠡᠯᠳᠡ | ᠨᠡᠶᠢᠭᠡᠮ ᠤᠨ ᠨᠢᠭᠡᠳᠦᠯᠳᠡᠢ ᠳᠦᠯᠦᠪᠯᠡᠭᠡ ᠪᠠ ᠬᠤᠪᠢ ᠬᠦᠮᠦᠨ ᠤ ᠳᠡᠩᠰᠡᠨ ᠡᠷᠦᠭᠡ ᠶᠢ ᠬᠠᠷᠢᠯᠴᠠᠨ | ᠣᠶᠠᠯᠳᠣᠭᠤᠯᠥᠠᠠᠰᠠᠨ ᠳᠦᠷᠢᠮ ᠤᠨ ᠵᠬᠠᠪᠦᠷ ᠢ ᠪᠡᠷᠢᠮᠳᠡᠯᠬᠠᠥ ᠪᠠ ᠳᠡᠬᠦᠯᠳᠡᠷᠵᠢᠬᠦᠯᠵᠦ᠂ ᠬᠤᠪᠢ ᠬᠦᠮᠦᠨ ᠰᠥᠢᠳᠭᠡᠯ | ᠲᠣᠰᠢᠶ᠋ᠬᠠᠥ᠂ ᠬᠠᠮᠳᠣ ᠠᠴᠠ ᠨᠦᠬᠦᠪᠦᠷᠢ ᠦᠭᠬᠦ᠂ ᠵᠠᠰᠠᠭ ᠤᠨ ᠣᠷᠳᠣᠨ ᠤ ᠨᠦᠬᠦᠪᠦᠷᠢ ᠬᠠᠷᠢᠯᠴᠠᠨ | ᠣᠶᠠᠯᠳᠣᠭᠤᠯᠥᠠᠠᠰᠠᠨ ᠪᠡᠯᠡ ᠮᠦᠡᠭᠬᠦ ᠬᠤᠷᠡᠮᠳᠣᠭᠤᠯᠬᠤ ᠵᠠᠮ ᠮᠥᠷ ᠢ ᠪᠠᠬᠢᠵᠢᠬᠦᠯᠬᠦ ᠪᠠ ᠦᠷᠭᠡᠳᠭᠡᠵᠦ᠂ ᠰᠠᠭᠤᠷᠢ | ᠨᠠᠰᠣᠵᠢᠯ ᠤᠨ ᠮᠦᠡᠭᠬᠦ ᠪᠤᠯᠤᠨ ᠬᠤᠪᠢ ᠬᠦᠮᠦᠨ ᠤ ᠳᠡᠩᠰᠡᠨ ᠡᠷᠦᠭᠡ ᠶᠢᠨ ᠨᠠᠰᠣᠵᠢᠯ ᠤᠨ ᠮᠦᠡᠭᠬᠦ ᠬᠠᠷᠢᠯᠴᠠᠨ | ᠣᠶᠠᠯᠳᠣᠭᠤᠯᠥᠠᠠᠰᠠᠨ ᠣᠯᠭᠤᠮᠵᠢ ᠤᠯᠭᠤᠬᠤ ᠳᠦᠷᠦ ᠶᠢᠨ ᠪᠤᠳᠣᠯᠭ᠎ᠠ ᠶᠢ ᠳᠡᠬᠦᠯᠳᠡᠷᠵᠢᠬᠦᠯᠦᠨ᠂ ᠣᠷᠳᠣ ᠬᠤᠭᠤᠴᠠᠭ᠎ᠠ | ᠲᠣᠰᠢᠶᠡᠪᠡᠯ ᠢᠯᠡᠬᠦᠥ ᠣᠯᠬᠤ᠂ ᠢᠯᠡᠬᠦᠥ ᠲᠣᠰᠢᠶᠠᠪᠠᠯ ᠢᠯᠡᠬᠦᠥ ᠣᠯᠬᠤ ᠵᠡᠷᠭᠡ ᠤᠷᠮᠠᠰᠢᠭᠤᠯᠬᠤ ᠲᠣᠠᠠᠳᠡᠴᠠ ᠶᠢ | ᠴᠢᠩᠭᠠᠷᠡᠭᠤᠯᠵᠦ᠂ ᠰᠠᠭᠤᠷᠢ ᠨᠠᠰᠣᠵᠢᠯ ᠤᠨ ᠮᠦᠡᠭᠬᠦ ᠶᠢᠨ ᠬᠡᠪ ᠤᠨ ᠲᠣᠬᠢᠷᠡᠭᠤᠯᠬᠤ ᠲᠣᠠᠠᠳᠡᠴᠠ ᠶᠢ ᠪᠠᠶᠢᠭᠤᠯᠥᠨ᠂ | ᠦᠢᠯᠡᠴᠢᠯᠡᠬᠦ ᠲᠣᠣᠷ ᠰᠦᠯᠵᠢᠶ᠎ᠡ ᠶᠢ ᠪᠦᠷᠢᠨᠰᠢᠬᠦᠯᠵᠦ᠂ ᠬᠠᠮᠢᠶᠡᠷᠦᠯᠳᠡ ᠶᠢᠨ ᠬᠢᠷᠢ ᠭᠡᠮᠵᠢᠶ᠎ᠠ ᠶᠢ ᠳᠡᠭᠡᠭᠰᠢᠯᠡᠬᠦᠯᠵᠦ᠂ | ᠳᠠᠭᠠᠳᠬᠠᠯ ᠳᠤ ᠣᠷᠣᠯᠴᠬᠠᠰᠠᠨ ᠰᠠᠭᠤᠭᠠᠯᠢ ᠠᠷᠡᠳ ᠲᠤ ᠳᠦᠬᠦᠮ ᠳᠦᠳᠡ ᠦᠢᠯᠡᠴᠢᠯᠡᠭᠡᠨ ᠬᠠᠩᠭᠠᠬᠤ ᠬᠡᠷᠡᠭᠲᠡᠢ᠃ | 2020 ᠣᠨ ᠠᠴᠠ ᠡᠮᠣᠨ᠎ᠠ᠂ ᠲᠥᠪ ᠭᠤᠥᠯᠴᠢ᠂ ᠨᠢᠭᠡᠳᠦᠯᠳᠡᠢ᠂ ᠵᠢᠷᠦᠮᠵᠢᠠᠠᠰᠠᠨ ᠬᠤᠳᠡ ᠬᠦᠳᠡᠭᠡ ᠶᠢᠨ | ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠳᠦᠷᠢᠮ ᠢ ᠪᠦᠬᠦ ᠳᠡᠯ᠎ᠠ ᠪᠠᠷ ᠪᠠᠶᠢᠭᠤᠯᠵᠦ᠂ ᠨᠡᠶᠢᠭᠡᠮ ᠤᠨ | ᠠᠪᠤᠷᠡᠨ ᠳᠡᠳᠬᠦᠬᠦ᠂ ᠨᠡᠶᠢᠭᠡᠮ ᠤᠨ ᠠᠰᠠᠷᠡᠮᠵᠢ ᠵᠡᠷᠭᠡ ᠪᠤᠰᠣᠳ ᠨᠡᠶᠢᠭᠡᠮ ᠤᠨ ᠪᠠᠳᠣᠯᠠᠭ᠎ᠠ ᠶᠢᠨ ᠳᠦᠷᠦ ᠶᠢᠨ | ᠪᠤᠳᠣᠯᠭ᠎ᠠ ᠯᠤᠭ᠎ᠠ ᠬᠠᠷᠢᠯᠴᠠᠨ ᠲᠥᠬᠦᠷᠵᠢᠭᠦᠯᠵᠦ᠂ ᠭᠡᠷ ᠪᠦᠯᠢ ᠶᠢᠨ ᠨᠠᠰᠣᠵᠢᠯ ᠵᠡᠷᠭᠡ ᠣᠯᠠᠮᠵᠢᠯᠠᠯᠳᠣ ᠪᠠᠳᠣᠯᠠᠭ᠎ᠠ ᠶᠢᠨ | ᠠᠷᠭ᠎ᠠ ᠭᠡᠯᠪᠡᠷᠢ ᠶᠢᠨ ᠢᠳᠡᠪᠬᠢ ᠦᠢᠯᠡᠳᠣᠯ ᠢ ᠬᠦᠢᠴᠡᠳ ᠪᠠᠳᠡᠷᠡᠭᠤᠯᠥᠨ᠂ ᠳᠠᠭᠠᠳᠬᠠᠯ ᠳᠤ ᠣᠷᠣᠯᠴᠬᠠᠰᠠᠨ ᠬᠤᠳᠡ | ᠬᠦᠳᠡᠭᠡ ᠶᠢᠨ ᠰᠠᠭᠤᠭᠠᠯᠢ ᠠᠷᠡᠳ ᠤᠨ ᠦᠳᠡᠬᠦᠰ ᠤᠨ ᠦᠨᠳᠣᠰᠣᠨ ᠠᠮᠢᠳᠣᠷᠡᠯ ᠢ ᠨᠡᠩ ᠰᠠᠶᠢᠨ ᠪᠠᠲᠤᠯᠠᠬᠤ | ᠬᠡᠷᠡᠭᠲᠡᠢ᠃ | ᠭᠤᠷᠪᠡ᠂ ᠳᠠᠭᠠᠳᠬᠠᠯ ᠳᠤ ᠣᠷᠣᠯᠴᠬᠠᠥ ᠬᠦᠷᠢᠶ᠎ᠡ ᠭᠡᠪᠴᠢᠶ᠎ᠠ | ᠪᠦᠬᠦᠯᠢ 16 ᠨᠠᠰᠤ ᠬᠦᠷᠦᠭᠰᠡᠨ ︵ᠰᠣᠷᠭᠠᠭᠤᠯᠢ ᠳᠤ ᠪᠠᠶᠢᠭ᠎ᠠ ᠰᠣᠷᠣᠠᠠᠴᠢ ᠶᠢ ᠪᠠᠭᠳᠠᠭᠠᠬᠤ ᠦᠭᠡᠢ︶ ᠂ | ᠣᠯᠣᠰ ᠤᠨ ᠠᠯᠪᠠᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠵᠢᠯᠳᠡᠨ ᠪᠤᠰᠣ ᠵᠢᠴᠢ ᠠᠵᠢᠯᠳᠡᠨ | ᠠᠵᠢᠯᠴᠢᠨ ᠤ ᠦᠨᠳᠣᠰᠣᠨ ᠨᠠᠰᠣᠵᠢᠯ ᠤᠨ ᠳᠠᠭᠠᠳᠬᠠᠯ ᠤᠨ ᠳᠦᠷᠢᠮ ᠤᠨ ᠬᠠᠮᠥᠷᠬᠤ ᠬᠦᠷᠢᠶ᠎ᠡ ᠭᠡᠪᠴᠢᠶ᠎ᠠ ᠳᠤ ᠦᠯᠦ | ᠬᠠᠷᠢᠶᠠᠯᠬᠠᠳᠠᠬᠤ ᠬᠤᠳᠡ ᠬᠦᠳᠡᠭᠡ ᠶᠢᠨ ᠰᠠᠭᠤᠭᠠᠯᠢ ᠠᠷᠡᠳ ᠨᠢ ᠡᠷᠦᠭᠡ ᠠᠮᠠ ᠶᠢᠨ ᠪᠠᠶᠢᠭ᠎ᠠ ᠭᠠᠵᠡᠷ ᠲᠠᠭᠠᠨ ᠬᠤᠳᠡ | ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠳᠤ ᠣᠷᠣᠯᠴᠠᠵᠦ ᠪᠤᠯᠤᠨ᠎ᠠ᠃ | ᠳᠦᠷᠪᠠ᠂ ᠰᠠᠭᠤᠷᠢ ᠮᠦᠡᠭᠬᠦ ᠬᠤᠷᠡᠮᠳᠣᠭᠤᠯᠬᠤ | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠮᠦᠡᠭᠬᠦ ᠨᠢ ᠬᠤᠪᠢ ᠬᠦᠮᠦᠨ | ᠰᠥᠢᠳᠭᠡᠯ ᠲᠣᠰᠢᠶ᠋ᠬᠠᠥ᠂ ᠬᠠᠮᠳᠣ ᠠᠴᠠ ᠨᠦᠬᠦᠪᠦᠷᠢ ᠦᠭᠬᠦ᠂ ᠵᠠᠰᠠᠭ ᠤᠨ ᠣᠷᠳᠣᠨ ᠤ ᠨᠦᠬᠦᠪᠦᠷᠢ ᠵᠡᠷᠭᠡ ᠪᠠᠷ | ᠪᠦᠷᠢᠯᠳᠦᠨ᠎ᠠ᠃ | ︵ᠨᠢᠭᠡ︶ ᠬᠤᠪᠢ ᠬᠦᠮᠦᠨ ᠰᠥᠢᠳᠭᠡᠯ ᠲᠣᠰᠢᠶ᠋ᠬᠠᠥ᠃ ᠬᠤᠳᠡ ᠬᠦᠳᠡᠭᠡ ᠶᠢᠨ ᠰᠠᠭᠤᠭᠠᠯᠢ ᠠᠷᠡᠳ ᠤᠨ | ᠨᠠᠰᠣᠵᠢᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠬᠠᠰᠠᠳ ᠲᠣᠠᠠᠳᠠᠭᠠᠯ ᠶᠣᠰᠣᠭᠠᠷ ᠨᠠᠰᠣᠵᠢᠯ ᠤᠨ | ᠳᠠᠭᠠᠳᠬᠠᠯ ᠤᠨ ᠰᠥᠢᠳᠭᠡᠯ ᠲᠣᠰᠢᠶ᠋ᠬᠠᠥ ᠶᠣᠰᠣᠳᠡᠢ᠂ ᠰᠦᠢᠳᠭᠡᠯ ᠲᠣᠰᠢᠶ᠋ᠬᠠᠥ ᠪᠡᠷᠢᠮᠵᠢᠶ᠎ᠠ ᠨᠢ ᠵᠢᠯ ᠪᠦᠷᠢ 100 | ᠳᠦᠬᠦᠷᠢᠭ᠂ 200 ᠳᠦᠬᠦᠷᠢᠭ᠂ 300 ᠳᠦᠬᠦᠷᠢᠭ᠂ 400 ᠳᠦᠬᠦᠷᠢᠭ᠂ 500 ᠳᠦᠬᠦᠷᠢᠭ᠂ 600 | ᠳᠦᠬᠦᠷᠢᠭ᠂ 700 ᠳᠦᠬᠦᠷᠢᠭ᠂ 800 ᠳᠦᠬᠦᠷᠢᠭ᠂ 900 ᠳᠦᠬᠦᠷᠢᠭ᠂ 1000 ᠳᠦᠬᠦᠷᠢᠭ᠂ 1500 | ᠳᠦᠬᠦᠷᠢᠭ᠂ 2000 ᠳᠦᠬᠦᠷᠢᠭ᠂ 3000 ᠳᠦᠬᠦᠷᠢᠭ ᠤᠨ 13 ᠳᠡᠰ ᠬᠤᠪᠢᠶᠡᠨᠠ᠃ ᠦᠪᠡᠷᠳᠡᠭᠡᠨ ᠵᠠᠰᠬᠠᠥ | ᠣᠷᠤᠨ ᠤ ᠬᠦᠮᠦᠨ ᠤ ᠬᠦᠴᠥᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠲᠢᠩᠬᠢᠮ ᠠᠴᠠ ᠡᠳ᠋ ᠤᠨ | ᠵᠠᠰᠠᠭ ᠤᠨ ᠲᠢᠩᠬᠢᠮ ᠯᠦᠭᠡ ᠬᠠᠮᠵᠢᠯᠴᠠᠨ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠣᠷᠤᠯᠭ᠎ᠠ ᠶᠢᠨ ᠨᠡᠮᠡᠭᠳᠡᠯ | ᠵᠡᠷᠭᠡ ᠶᠢᠨ ᠪᠠᠶᠢᠳᠡᠯ ᠢ ᠦᠨᠳᠣᠰᠣᠯᠡᠨ ᠴᠠᠭ ᠲᠤᠨᠢ ᠲᠣᠬᠢᠷᠡᠭᠤᠯᠥᠨ ᠰᠦᠢᠳᠭᠡᠯ ᠲᠣᠰᠢᠶ᠋ᠬᠠᠥ ᠲᠡᠰ ᠪᠡᠷᠢᠮᠵᠢᠶ᠎ᠠ ᠶᠢ | ᠲᠣᠬᠢᠷᠠᠭᠤᠯᠬᠤ ᠬᠡᠷᠡᠭᠲᠡᠢ᠃ ᠳᠠᠭᠠᠳᠬᠠᠯ ᠳᠤ ᠣᠷᠤᠯᠴᠬᠠᠰᠠᠳ ᠦᠪᠡᠰᠦᠪᠡᠨ ᠡᠵᠡᠨ ᠮᠡᠳᠡᠵᠦ ᠳᠡᠰ ᠰᠣᠩᠭᠤᠵᠦ | ᠪᠠᠶᠢᠭᠠᠳ ᠰᠦᠢᠳᠭᠡᠯ ᠲᠣᠰᠢᠶᠡᠵᠦ᠂ ᠢᠯᠡᠬᠦᠥ ᠲᠣᠰᠢᠶᠡᠪᠡᠯ ᠢᠯᠡᠬᠦᠥ ᠣᠯᠥᠨᠠ᠃ | ︵ᠬᠤᠶᠠᠷ︶ ᠬᠠᠮᠳᠣ ᠠᠴᠠ ᠨᠦᠬᠦᠪᠦᠷᠢ ᠦᠭᠬᠦ᠃ ᠨᠦᠬᠦᠴᠡᠯ ᠲᠠᠢ ᠭᠠᠴᠠᠭ᠎ᠠ ᠲᠣᠰᠬᠤᠨ ᠤ ᠬᠠᠮᠳᠣ ᠶᠢᠨ ᠠᠵᠦ | ᠠᠬᠤᠢ ᠶᠢᠨ ᠵᠣᠬᠢᠶᠡᠨ ᠪᠠᠶᠢᠭᠤᠯᠥᠯᠳᠡ ᠨᠢ ᠳᠠᠭᠠᠳᠬᠠᠯ ᠳᠤ ᠣᠷᠣᠯᠴᠬᠠᠰᠠᠳ ᠤᠨ ᠰᠦᠢᠳᠭᠡᠯ ᠲᠣᠰᠢᠶ᠋ᠬᠠᠥ ᠳᠤ | ᠨᠦᠬᠦᠪᠦᠷᠢ ᠥᠭᠬᠦ ᠬᠡᠷᠡᠭᠲᠡᠢ᠂ ᠨᠦᠬᠦᠪᠦᠷᠢ ᠦᠭᠬᠦ ᠪᠡᠷᠢᠮᠵᠢᠶ᠎ᠠ ᠶᠢ ᠭᠠᠴᠠᠭ᠎ᠠ ᠲᠣᠰᠬᠤᠨ ᠤ ᠠᠷᠡᠳ ᠤᠨ | ᠵᠦᠪᠯᠡᠯ ᠠᠴᠠ ᠭᠠᠴᠠᠭ᠎ᠠ ᠲᠣᠰᠬᠤᠨ ᠤ ᠠᠷᠡᠳ ᠤᠨ ᠬᠤᠷᠡᠯ ᠬᠤᠷᠡᠯᠳᠣᠭᠤᠯᠥᠨ ᠠᠷᠡᠳᠴᠢᠯᠡᠯ ᠢᠶᠠᠷ ᠲᠣᠠᠠᠳᠠᠭᠠᠵᠦ᠂ | ᠨᠦᠬᠦᠴᠡᠯ ᠲᠠᠢ ᠨᠡᠶᠢᠭᠡᠮ ᠲᠤᠭᠤᠷᠢᠭ ᠢ ᠵᠣᠷᠢᠬᠵᠢᠭᠤᠯᠵᠣ ᠪᠠᠶᠢᠭᠠᠳ ᠬᠠᠮᠳᠣ ᠠᠴᠠ ᠨᠦᠬᠦᠪᠦᠷᠢ ᠦᠭᠬᠦ ᠶᠠᠪᠤᠳᠡᠯ ᠢ | ᠨᠡᠶᠢᠭᠡᠮ ᠲᠤᠭᠤᠷᠢᠭ ᠤᠨ ᠣᠯᠡᠨ ᠨᠡᠶᠢᠲᠡ ᠶᠢᠨ ᠠᠰᠠᠷᠡᠮᠵᠢ ᠶᠢᠨ ᠦᠢᠯᠡᠰ ᠤᠨ ᠪᠡᠯᠡ ᠮᠦᠡᠭᠬᠦ ᠬᠤᠷᠡᠮᠳᠣᠭᠤᠯᠬᠤ | ᠬᠦᠷᠢᠶ᠎ᠡ ᠭᠡᠪᠴᠢᠶᠡᠨ ᠳᠤ ᠣᠷᠤᠭᠤᠯᠤᠨ᠎ᠠ᠃ ᠪᠤᠰᠣᠳ ᠨᠡᠶᠢᠭᠡᠮ ᠤᠨ ᠠᠵᠦ ᠠᠬᠤᠢ ᠶᠢᠨ ᠵᠣᠬᠢᠶᠡᠨ ᠪᠠᠶᠢᠭᠤᠯᠥᠯᠳᠡ᠂ | ᠣᠯᠡᠨ ᠨᠡᠶᠢᠲᠡ ᠶᠢᠨ ᠨᠢᠬᠦᠯᠡᠰᠣᠩᠬᠦᠢ ᠶᠢᠨ ᠵᠣᠬᠢᠶᠡᠨ ᠪᠠᠶᠢᠭᠤᠯᠥᠯᠳᠡ᠂ ᠬᠤᠪᠢ ᠬᠦᠮᠦᠨ ᠢ ᠵᠤᠷᠢᠬᠵᠢᠭᠤᠯᠵᠦ | ᠳᠠᠭᠠᠳᠬᠠᠯ ᠳᠤ ᠣᠷᠣᠯᠴᠬᠠᠰᠠᠳ ᠤᠨ ᠰᠦᠢᠳᠭᠡᠯ ᠲᠣᠰᠢᠶ᠋ᠬᠠᠥ ᠳᠤ ᠮᠦᠡᠭᠬᠦ ᠪᠠᠷ ᠲᠤᠰᠠᠯᠠᠭᠤᠯᠵᠦ ᠪᠤᠯᠤᠨ᠎ᠠ᠃ | ᠨᠦᠬᠦᠪᠦᠷᠢ ᠦᠭᠬᠦ᠂ ᠮᠦᠡᠭᠬᠦ ᠪᠠᠷ ᠲᠤᠰᠠᠯᠠᠬᠤ ᠲᠤᠭ᠎ᠠ ᠶᠢ ᠲᠤᠬᠠᠢ ᠶᠢᠨ ᠭᠠᠵᠡᠷ ᠤᠨ ᠲᠣᠠᠠᠳᠠᠭᠠᠠᠠᠰᠠᠨ ᠬᠠᠮᠤᠭ | ᠦᠨᠳᠣᠷ ᠰᠦᠢᠳᠭᠡᠯ ᠲᠣᠰᠢᠶ᠋ᠬᠠᠥ ᠳᠡᠰ ᠪᠡᠷᠢᠮᠵᠢᠶ᠎ᠠ ᠠᠴᠠ ᠬᠡᠲᠦᠷᠡᠭᠦᠯᠵᠦ ᠪᠤᠯᠬᠤ ᠦᠭᠡᠢ᠃ | ︵ᠭᠤᠷᠪᠡ︶ ᠵᠠᠰᠠᠭ ᠤᠨ ᠣᠷᠳᠣᠨ ᠤ ᠨᠦᠬᠦᠪᠦᠷᠢ᠃ ᠵᠠᠰᠠᠭ ᠤᠨ ᠣᠷᠳᠣᠨ ᠨᠢ ᠬᠤᠳᠡ ᠬᠦᠳᠡᠭᠡ ᠶᠢᠨ | ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠣᠯᠭᠤᠮᠵᠢ ᠠᠪᠬᠤ ᠨᠦᠬᠦᠴᠡᠯ ᠳᠤ ᠨᠡᠶᠢᠴᠡᠭᠰᠡᠨ | ᠳᠠᠭᠠᠳᠬᠠᠯ ᠳᠤ ᠣᠷᠤᠯᠴᠬᠠᠰᠠᠳ ᠲᠤ ᠰᠠᠭᠤᠷᠢ ᠨᠠᠰᠣᠵᠢᠯ ᠤᠨ ᠮᠦᠡᠭᠬᠦ ᠶᠢ ᠪᠦᠬᠦ ᠲᠤᠭ᠎ᠠ ᠪᠠᠷ ᠣᠯᠭᠤᠨ᠎ᠠ᠃ | ᠵᠠᠰᠠᠭ ᠤᠨ ᠣᠷᠳᠣᠨ ᠨᠢ 100 ᠳᠦᠬᠦᠷᠢᠭ ᠠᠴᠠ 3000 ᠳᠦᠬᠦᠷᠢᠭ ᠤᠨ ᠰᠦᠢᠳᠭᠡᠯ ᠲᠣᠰᠢᠶ᠋ᠬᠠᠥ 13 ᠳᠡᠰ | ᠶᠣᠰᠣᠭᠠᠷ ᠨᠦᠬᠦᠪᠦᠷᠢ ᠣᠯᠭᠤᠨ᠎ᠠ᠂ 100 ᠳᠦᠬᠦᠷᠢᠭ ᠠᠴᠠ 400 ᠳᠦᠬᠦᠷᠢᠭ ᠤᠨ ᠰᠦᠢᠳᠭᠡᠯ ᠲᠣᠰᠢᠶ᠋ᠬᠠᠥ | ᠳᠡᠰ ᠢ ᠰᠣᠩᠭᠤᠠᠠᠰᠠᠳ ᠲᠤ ᠲᠣᠰ ᠲᠣᠰ 30 ᠳᠦᠬᠦᠷᠢᠭ᠂ 35 ᠳᠦᠬᠦᠷᠢᠭ᠂ 40 ᠳᠦᠬᠦᠷᠢᠭ᠂ 45 ᠳᠦᠬᠦᠷᠢᠭ | ᠨᠦᠬᠦᠪᠦᠷᠢᠯᠡᠨ᠎ᠠ︔ 500 ᠳᠦᠬᠦᠷᠢᠭ ᠠᠴᠠ 1000 ᠳᠦᠬᠦᠷᠢᠭ ᠤᠨ ᠰᠦᠢᠳᠭᠡᠯ ᠲᠣᠰᠢᠶ᠋ᠬᠠᠥ ᠳᠡᠰ ᠢ | ᠰᠣᠩᠭᠤᠠᠠᠰᠠᠳ ᠲᠤ ᠲᠣᠰ ᠲᠣᠰ 60 ᠳᠦᠬᠦᠷᠢᠭ᠂ 65 ᠳᠦᠬᠦᠷᠢᠭ᠂ 70 ᠳᠦᠬᠦᠷᠢᠭ᠂ 75 ᠳᠦᠬᠦᠷᠢᠭ᠂ 80 | ᠳᠦᠬᠦᠷᠢᠭ᠂ 85 ᠳᠦᠬᠦᠷᠢᠭ ᠨᠦᠬᠦᠪᠦᠷᠢᠯᠡᠨ᠎ᠠ︔ 1500 ᠳᠦᠬᠦᠷᠢᠭ᠂ 2000 ᠳᠦᠬᠦᠷᠢᠭ᠂ 3000 | ᠳᠦᠬᠦᠷᠢᠭ ᠤᠨ ᠰᠦᠢᠳᠭᠡᠯ ᠲᠣᠰᠢᠶ᠋ᠬᠠᠥ ᠳᠡᠰ ᠢ ᠰᠣᠩᠭᠤᠠᠠᠰᠠᠳ ᠲᠤ 85 ᠳᠦᠬᠦᠷᠢᠭ ᠨᠦᠬᠦᠪᠦᠷᠢᠯᠡᠨ᠎ᠠ᠃ | ᠬᠤᠳᠡ ᠬᠦᠳᠡᠭᠡ ᠶᠢᠨ ᠨᠠᠭᠠᠳᠣ ᠵᠠᠬ᠎ᠠ ᠶᠢᠨ ᠪᠠᠳᠣᠯᠠᠭᠠᠳᠣ ᠡᠷᠦᠭᠡ᠂ ᠬᠦᠨᠳᠣ ᠵᠡᠮᠳᠡᠭᠴᠥᠳ᠂ ᠳᠡᠪᠤᠨ | ᠪᠠᠳᠣᠯᠠᠭᠠᠳᠣ ᠠᠰᠠᠷᠡᠨ ᠳᠡᠵᠢᠭᠡᠬᠦ ᠵᠡᠷᠭᠡ ᠰᠦᠢᠳᠭᠡᠯ ᠲᠣᠰᠢᠶ᠋ᠬᠠᠥ ᠳᠤ ᠬᠦᠴᠢᠷᠳᠡᠯᠳᠡᠢ ᠬᠦᠮᠦᠰ ᠲᠤ 100 | ᠳᠦᠬᠦᠷᠢᠭ ᠤᠨ ᠪᠡᠷᠢᠮᠵᠢᠶ᠎ᠠ ᠪᠠᠷ ᠲᠡᠳᠡᠬᠡᠷ ᠤᠨ ᠨᠠᠰᠣᠵᠢᠯ ᠤᠨ ᠳᠠᠭᠠᠳᠬᠠᠯ ᠤᠨ ᠰᠦᠢᠳᠭᠡᠯ ᠢ ᠤᠷᠤᠯᠠᠨ ᠲᠣᠰᠢᠶᠡᠵᠦ᠂ | ᠣᠷᠣᠯᠡᠨ ᠲᠣᠰᠢᠶ᠋ᠬᠠᠥ ᠬᠤᠪᠢ ᠬᠦᠮᠦᠨ ᠤ ᠨᠡᠮᠡᠵᠦ ᠰᠦᠢᠳᠭᠡᠯ ᠲᠣᠰᠢᠶ᠋ᠬᠠᠥ ᠶᠢ ᠵᠦᠪᠰᠢᠶᠡᠷᠡᠵᠦ᠂ ᠰᠦᠢᠳᠭᠡᠯ | ᠲᠣᠰᠢᠶ᠋ᠬᠠᠰᠠᠨ ᠤ ᠳᠡᠷᠠᠭ᠎ᠠ ᠬᠠᠮᠢᠶ᠎ᠠ ᠪᠦᠬᠦᠢ ᠳᠡᠰ ᠶᠣᠰᠣᠭᠠᠷ ᠰᠦᠢᠳᠭᠡᠯ ᠲᠣᠰᠢᠶ᠋ᠬᠠᠰᠠᠨ ᠨᠦᠬᠦᠪᠦᠷᠢ ᠬᠦᠷᠳᠡᠭᠡᠨ᠎ᠠ᠃ | | ᠳᠠᠭᠠᠳᠬᠠᠯ ᠳᠤ ᠣᠷᠣᠯᠴᠬᠠᠰᠠᠳ ᠤᠨ ᠰᠦᠢᠳᠭᠡᠯ ᠲᠣᠰᠢᠶ᠋ᠬᠠᠰᠠᠨ ᠨᠦᠬᠦᠪᠦᠷᠢ᠂ ᠵᠠᠰᠠᠭ ᠤᠨ ᠣᠷᠳᠣᠨ ᠠᠴᠠ | ᠣᠷᠣᠯᠡᠨ ᠲᠣᠰᠢᠶ᠋ᠬᠠᠰᠠᠨ ᠨᠠᠰᠣᠵᠢᠯ ᠤᠨ ᠳᠠᠭᠠᠳᠬᠠᠯ ᠤᠨ ᠰᠦᠢᠳᠭᠡᠯ ᠵᠢᠴᠢ ᠦᠪᠡᠷᠳᠡᠭᠡᠨ ᠵᠠᠰᠬᠠᠥ ᠣᠷᠤᠨ ᠠᠴᠠ | ᠨᠡᠮᠡᠭᠳᠡᠬᠦᠯᠦᠭᠰᠡᠨ ᠰᠠᠭᠤᠷᠢ ᠨᠠᠰᠣᠵᠢᠯ ᠤᠨ ᠮᠦᠡᠭᠬᠦ ᠶᠢ ᠦᠪᠡᠷᠳᠡᠭᠡᠨ ᠵᠠᠰᠬᠠᠥ ᠣᠷᠤᠨ ᠤ ᠡᠯ᠎ᠡ ᠱᠠᠳᠣᠨ ᠤ ᠡᠳ᠋ ᠤᠨ | ᠵᠠᠰᠠᠭ ᠠᠴᠠ ᠡᠬᠦᠷᠭᠡᠯᠡᠨ᠎ᠠ᠃ ᠦᠪᠡᠷᠳᠡᠭᠡᠨ ᠵᠠᠰᠬᠠᠥ ᠣᠷᠤᠨ ᠠᠴᠠ ᠵᠠᠷᠴᠢᠮ ᠤᠨ ᠳᠡᠯ᠎ᠠ ᠪᠠᠷ ᠪᠦᠬᠦ ᠣᠷᠤᠨ ᠤ | ᠨᠦᠬᠦᠪᠦᠷᠢ ᠶᠢᠨ ᠶᠡᠷᠦᠩᠭᠡᠢ ᠲᠣᠭᠠᠨ ᠤ 50% ᠶᠢ ᠡᠬᠦᠷᠭᠡᠯᠡᠵᠦ᠂ ᠠᠶᠢᠮᠠᠭ ᠬᠤᠳᠡ ᠨᠢ ᠬᠠᠮᠤᠭ ᠪᠠᠭ᠎ᠠ ᠳᠠᠭᠠᠨ | 25% ᠶᠢ ᠡᠬᠦᠷᠭᠡᠯᠡᠵᠦ᠂ ᠪᠤᠰᠣᠳ ᠬᠡᠰᠡᠭ ᠢ ᠬᠤᠰᠢᠭᠤ ᠰᠢᠶᠡᠨ ︵ᠬᠤᠳᠡ᠂ ᠲᠣᠭᠤᠷᠢᠭ︶ ᠡᠬᠦᠷᠭᠡᠯᠡᠨ᠎ᠠ᠃ | ᠦᠪᠡᠷᠳᠡᠭᠡᠨ ᠵᠠᠰᠬᠠᠥ ᠣᠷᠤᠨ ᠤ ᠨᠦᠬᠦᠪᠦᠷᠢ ᠶᠢ ᠡᠯ᠎ᠡ ᠠᠶᠢᠮᠠᠭ ᠬᠤᠳᠡ ᠶᠢᠨ ᠡᠳ᠋ ᠤᠨ ᠬᠦᠴᠦᠨ ᠤ ᠪᠠᠶᠢᠳᠡᠯ ᠢ | ᠦᠨᠳᠣᠰᠣᠯᠡᠨ ᠭᠤᠷᠪᠠᠡ ᠳᠦᠷᠦᠯ ᠬᠤᠪᠢᠶᠡᠵᠦ᠂ ᠭᠤᠤᠯᠳᠡᠯᠭ᠎ᠠ ᠪᠠᠨ ᠶᠠᠳᠠᠭᠤ ᠬᠦᠴᠢᠷᠳᠡᠯᠳᠡᠢ ᠭᠠᠵᠡᠷ ᠣᠷᠤᠨ | ᠲᠡᠰᠢ ᠭᠡᠯᠪᠠᠶᠢᠯᠭᠡᠨᠠ᠄ ᠨᠢᠭᠡᠳᠦᠭᠡᠷ ᠳᠦᠷᠦᠯ ᠤᠨ ᠭᠠᠵᠡᠷ ᠣᠷᠤᠨ ᠤ ᠨᠦᠬᠦᠪᠦᠷᠢ ᠨᠢ 40%᠂ ᠬᠤᠶᠠᠳᠣᠭᠠᠷ | ᠳᠦᠷᠦᠯ ᠤᠨ ᠭᠠᠵᠡᠷ ᠣᠷᠤᠨ ᠤ ᠨᠦᠬᠦᠪᠦᠷᠢ ᠨᠢ 50%᠂ ᠭᠤᠷᠪᠠᠳᠣᠭᠠᠷ ᠳᠦᠷᠦᠯ ᠤᠨ ᠭᠠᠵᠡᠷ ᠣᠷᠤᠨ ᠤ | ᠨᠦᠬᠦᠪᠦᠷᠢ ᠨᠢ 60% ᠪᠤᠯᠤᠨ᠎ᠠ᠃ ᠳᠡᠭᠡᠷ᠎ᠠ ᠲᠣᠷᠡᠳᠣᠠᠠᠰᠠᠨ ᠪᠡᠷᠢᠮᠵᠢᠶ᠎ᠠ ᠶᠢᠨ ᠰᠠᠭᠤᠷᠢᠨ ᠳᠡᠭᠡᠷ᠎ᠠ᠂ ᠠᠶᠢᠮᠠᠭ ᠬᠤᠳᠡ | ᠂ ᠬᠤᠰᠢᠭᠤ ᠰᠢᠶᠡᠨ ︵ᠬᠤᠳᠡ᠂ ᠲᠤᠭᠤᠷᠢᠭ︶ ᠨᠢ ᠡᠳ᠋ ᠤᠨ ᠬᠦᠴᠦᠨ ᠤ ᠪᠠᠶᠢᠳᠡᠯ ᠢᠶᠠᠨ ᠦᠨᠳᠣᠰᠣᠯᠠᠨ | ᠨᠦᠬᠦᠪᠦᠷᠢ ᠶᠢᠨ ᠪᠡᠷᠢᠮᠵᠢᠶ᠎ᠠ ᠶᠢ ᠵᠣᠬᠢᠰᠳᠡᠢ ᠳᠡᠭᠡᠭᠰᠢᠯᠡᠬᠦᠯᠵᠦ ᠪᠣᠯᠣᠨ᠎ᠠ᠂ ᠳᠡᠭᠡᠭᠰᠢᠯᠡᠬᠦᠯᠦᠭᠰᠡᠨ ᠭᠡᠰᠡᠭ ᠢ ᠲᠣᠰ | ᠭᠠᠵᠡᠷ ᠣᠷᠤᠨ ᠤ ᠡᠳ᠋ ᠤᠨ ᠵᠠᠰᠠᠭ ᠠᠴᠠ ᠡᠭᠦᠷᠭᠡᠯᠡᠬᠦ ᠬᠡᠷᠡᠭᠲᠡᠢ᠃ | ᠦᠪᠡᠷᠳᠡᠭᠡᠨ ᠵᠠᠰᠬᠠᠥ ᠣᠷᠤᠨ ᠠᠴᠠ ᠠᠵᠦ ᠠᠬᠤᠢ ᠶᠢᠨ ᠬᠦᠭᠵᠢᠯᠳᠡ ᠪᠠ ᠬᠤᠳᠡ ᠬᠦᠳᠡᠭᠡ ᠶᠢᠨ ᠰᠠᠭᠤᠭᠠᠯᠢ | ᠠᠷᠡᠳ ᠤᠨ ᠣᠷᠣᠯᠭ᠎ᠠ ᠶᠢᠨ ᠨᠡᠮᠡᠭᠳᠡᠯ ᠵᠡᠷᠭᠡ ᠪᠠᠶᠢᠳᠡᠯ ᠢ ᠦᠨᠳᠣᠰᠣᠯᠡᠨ᠂ ᠴᠠᠭ ᠲᠤᠨᠢ ᠵᠣᠬᠢᠴᠠᠭᠤᠯᠥᠨ ᠰᠦᠢᠳᠭᠡᠯ | ᠲᠣᠰᠢᠶ᠋ᠬᠠᠥ ᠳᠡᠰ ᠪᠠ ᠨᠦᠬᠦᠪᠦᠷᠢ ᠶᠢᠨ ᠪᠡᠷᠢᠮᠵᠢᠶ᠎ᠠ ᠶᠢ ᠲᠣᠬᠢᠷᠠᠭᠤᠯᠬᠤ ᠬᠡᠷᠡᠭᠲᠡᠢ᠃ | ᠲᠠᠪᠤ᠂ ᠬᠤᠪᠢ ᠬᠦᠮᠦᠨ ᠤ ᠳᠡᠩᠰᠡᠨ ᠡᠷᠦᠭᠡ | ᠭᠠᠵᠠᠷ ᠣᠷᠣᠨ ᠤ ᠨᠡᠶᠢᠭᠡᠮ ᠤᠨ ᠳᠠᠭᠠᠳᠬᠠᠯ ᠢ ᠨᠢᠭᠡᠳᠦᠯᠳᠡᠢ ᠳᠦᠯᠦᠪᠯᠡᠬᠦ ᠶᠢ ᠭᠠᠷᠳᠡᠨ ᠬᠢᠬᠦ ᠪᠠᠶᠢᠭᠤᠯᠥᠮᠵᠢ ᠨᠢ | ᠣᠯᠣᠰ ᠤᠨ ᠲᠣᠠᠠᠳᠠᠭᠠᠯ ᠶᠣᠰᠣᠭᠠᠷ ᠳᠠᠭᠠᠳᠬᠠᠯ ᠳᠤ ᠣᠷᠤᠯᠴᠬᠠᠰᠠᠳ ᠨᠢᠭᠡᠪᠦᠷᠢ ᠳᠤ ᠨᠠᠰᠣᠨ ᠲᠣᠷᠰᠢᠳᠡ ᠶᠢᠨ | ᠳᠡᠮᠳᠡᠭᠯᠡᠯᠳᠦ ᠨᠠᠰᠣᠵᠢᠯ ᠤᠨ ᠳᠠᠭᠠᠳᠬᠠᠯ ᠤᠨ ᠬᠤᠪᠢ ᠬᠦᠮᠦᠨ ᠤ ᠳᠡᠩᠰᠡᠨ ᠡᠷᠦᠭᠡ ᠪᠠᠶᠢᠭᠤᠯᠵᠦ ᠦᠭᠬᠦᠨ᠎ᠡ᠃ | ᠬᠤᠪᠢ ᠬᠦᠮᠦᠨ ᠰᠦᠢᠳᠭᠡᠯ ᠲᠣᠰᠢᠶ᠋ᠬᠠᠥ᠂ ᠵᠠᠰᠠᠭ ᠤᠨ ᠣᠷᠳᠣᠨ ᠠᠴᠠ ᠳᠠᠭᠠᠳᠬᠠᠯ ᠳᠤ ᠣᠷᠤᠯᠴᠬᠠᠰᠠᠳ ᠤᠨ | ᠰᠦᠢᠳᠭᠡᠯ ᠲᠤᠰᠢᠶᠠᠬᠤ ᠳᠤ ᠦᠭᠬᠦ ᠨᠦᠬᠦᠪᠦᠷᠢ᠂ ᠵᠠᠰᠠᠭ ᠤᠨ ᠣᠷᠳᠣᠨ ᠠᠴᠠ ᠣᠷᠤᠯᠡᠨ ᠲᠣᠰᠢᠶ᠋ᠬᠠᠰᠠᠨ | ᠨᠠᠰᠣᠵᠢᠯ ᠤᠨ ᠳᠠᠭᠠᠳᠬᠠᠯ ᠤᠨ ᠰᠦᠢᠳᠭᠡᠯ᠂ ᠬᠠᠮᠳᠣ ᠠᠴᠠ ᠨᠦᠬᠦᠪᠦᠷᠢ ᠦᠭᠬᠦ ᠵᠢᠴᠢ ᠪᠤᠰᠣᠳ ᠨᠡᠶᠢᠭᠡᠮ ᠤᠨ ᠠᠵᠦ | ᠠᠬᠤᠢ ᠶᠢᠨ ᠵᠣᠬᠢᠶᠡᠨ ᠪᠠᠶᠢᠭᠤᠯᠥᠯᠳᠡ᠂ ᠣᠯᠡᠨ ᠨᠡᠶᠢᠲᠡ ᠶᠢᠨ ᠨᠢᠬᠦᠯᠡᠰᠦᠩᠬᠦᠢ ᠶᠢᠨ ᠵᠣᠬᠢᠶᠡᠨ ᠪᠠᠶᠢᠭᠤᠯᠥᠯᠳᠡ᠂ | ᠬᠤᠪᠢ ᠬᠦᠮᠦᠨ ᠤ ᠳᠠᠭᠠᠳᠬᠠᠯ ᠳᠤ ᠣᠷᠤᠯᠴᠬᠠᠰᠠᠳ ᠤᠨ ᠰᠦᠢᠳᠭᠡᠯ ᠲᠣᠰᠢᠶ᠋ᠬᠠᠥ ᠳᠤ ᠮᠦᠡᠭᠬᠦ ᠲᠤᠰᠠᠯᠠᠭᠰᠠᠨ | ᠪᠦᠬᠦᠨ ᠢ ᠬᠤᠪᠢ ᠬᠦᠮᠦᠨ ᠤ ᠳᠡᠩᠰᠨ ᠡᠷᠦᠭᠡ ᠳᠤᠨᠢ ᠲᠡᠮᠳᠡᠭᠯᠡᠵᠦ ᠣᠷᠤᠭᠤᠯᠤᠨ᠎ᠠ᠃ ᠬᠤᠪᠢ ᠬᠦᠮᠦᠨ ᠤ ᠳᠡᠩᠰᠨ | ᠡᠷᠦᠭᠡ ᠶᠢᠨ ᠬᠠᠳᠠᠭᠠᠯᠠᠮᠵᠢ ᠳᠤ ᠣᠯᠣᠰ ᠤᠨ ᠲᠣᠠᠠᠳᠠᠭᠠᠯ ᠶᠣᠰᠣᠭᠠᠷ ᠬᠦᠥ ᠮᠦᠡᠭᠬᠦ ᠪᠤᠳᠣᠵᠦ ᠦᠭᠬᠦᠨ᠎ᠡ᠃ | ᠵᠢᠷᠭᠤᠭ᠎ᠠ᠂ ᠨᠠᠰᠣᠵᠢᠯ ᠤᠨ ᠳᠠᠭᠠᠳᠬᠠᠯ ᠤᠨ ᠣᠯᠭᠤᠮᠵᠢ ᠵᠢᠴᠢ ᠲᠣᠬᠢᠷᠡᠭᠤᠯᠥᠯᠳᠡ | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠣᠯᠭᠤᠮᠵᠢ ᠨᠢ ᠰᠠᠭᠤᠷᠢ | ᠨᠠᠰᠣᠵᠢᠯ ᠤᠨ ᠮᠦᠡᠭᠬᠦ ᠪᠠ ᠬᠤᠪᠢ ᠬᠦᠮᠦᠨ ᠤ ᠳᠡᠩᠰᠨ ᠡᠷᠦᠭᠡ ᠶᠢᠨ ᠨᠠᠰᠣᠵᠢᠯ ᠤᠨ ᠮᠦᠡᠭᠬᠦ ᠪᠠᠷ ᠪᠦᠷᠢᠯᠳᠦᠵᠦ᠂ | ᠨᠠᠰᠣᠨ ᠲᠣᠷᠰᠢᠳᠡ ᠣᠯᠭᠤᠨ᠎ᠠ᠃ | ︵ᠨᠢᠭᠡ︶ ᠰᠠᠭᠤᠷᠢ ᠨᠠᠰᠣᠵᠢᠯ ᠤᠨ ᠮᠦᠡᠭᠬᠦ᠃ ᠦᠪᠡᠷᠳᠡᠭᠡᠨ ᠵᠠᠰᠬᠠᠥ ᠣᠷᠤᠨ ᠠᠴᠠ ᠪᠦᠬᠦ ᠣᠷᠤᠨ ᠤ | ᠰᠠᠭᠤᠷᠢ ᠨᠠᠰᠣᠵᠢᠯ ᠤᠨ ᠮᠦᠡᠭᠬᠦ ᠶᠢᠨ ᠬᠠᠮᠤᠭ ᠲᠣᠣᠷ᠎ᠠ ᠪᠡᠷᠢᠮᠵᠢᠶ᠎ᠠ ᠶᠢ ᠲᠣᠠᠠᠳᠠᠭᠠᠨ᠎ᠠ᠂ ᠡᠨᠡᠬᠦ ᠰᠠᠭᠤᠷᠢᠨ ᠳᠡᠭᠡᠷ᠎ᠠ᠂ | ᠪᠦᠬᠦᠯᠢ 70 ᠨᠠᠰᠣᠨ ᠠᠴᠠ 79 ᠨᠠᠰᠥ ᠬᠦᠷᠦᠭᠰᠡᠳ ᠲᠤ ᠠᠰᠳᠠᠭᠠᠨ 10 ᠳᠦᠬᠦᠷᠢᠭ ᠨᠡᠮᠡᠵᠦ ᠦᠭᠬᠦᠨ᠎ᠡ᠂ | ᠪᠦᠬᠦᠯᠢ 80 ᠨᠠᠰᠥ ᠠᠴᠠ ᠲᠡᠭᠡᠭᠰᠢ ᠬᠦᠷᠦᠭᠰᠡᠳ ᠲᠤ ᠠᠰᠳᠠᠭᠠᠨ 20 ᠳᠦᠬᠦᠷᠢᠭ ᠨᠡᠮᠡᠵᠦ ᠦᠭᠬᠦᠨ᠎ᠡ᠃ | ᠳᠠᠭᠠᠳᠬᠠᠯ ᠳᠤ ᠣᠷᠤᠯᠴᠬᠠᠰᠠᠳ 200 ᠳᠦᠬᠦᠷᠢᠭ ᠵᠢᠴᠢ ᠳᠡᠬᠦᠨ ᠠᠴᠠ ᠲᠡᠭᠡᠭᠰᠢᠬᠢ ᠳᠡᠰ ᠢ ᠰᠣᠩᠭᠤᠬᠤ ᠶᠢᠨ | ᠳᠠᠭᠠᠥ ᠨᠡᠶᠢᠲᠡ ᠲᠣᠰᠢᠶ᠋ᠬᠠᠰᠠᠨ ᠰᠦᠢᠳᠭᠡᠯ ᠨᠢ 15 ᠵᠢᠯ ᠢ ᠬᠡᠲᠦᠷᠡᠭᠰᠡᠨ ᠪᠣᠯ᠂ ᠢᠯᠡᠬᠦᠥ 1 ᠵᠢᠯ ᠲᠣᠰᠢᠶ᠋ᠬᠠᠥ | ᠪᠦᠷᠢ ᠰᠠᠭᠤᠷᠢ ᠨᠠᠰᠣᠵᠢᠯ ᠤᠨ ᠮᠦᠡᠭᠬᠦ ᠶᠢ ᠨᠢ 2 ᠳᠦᠬᠦᠷᠢᠭ ᠨᠡᠮᠡᠭᠳᠡᠬᠦᠯᠥᠨ᠎ᠡ᠃ ᠦᠪᠡᠷᠳᠡᠭᠡᠨ ᠵᠠᠰᠬᠠᠥ | ᠣᠷᠤᠨ ᠠᠴᠠ ᠰᠠᠭᠤᠷᠢ ᠨᠠᠰᠣᠵᠢᠯ ᠤᠨ ᠮᠦᠡᠭᠬᠦ ᠶᠢᠨ ᠬᠠᠮᠤᠭ ᠲᠣᠣᠷ᠎ᠠ ᠪᠡᠷᠢᠮᠵᠢᠶ᠎ᠠ ᠶᠢᠨ ᠬᠡᠪ ᠤᠨ ᠪᠠᠶᠢᠳᠠᠯ ᠢᠶᠠᠷ | ᠲᠣᠬᠢᠷᠡᠭᠤᠯᠬᠤ ᠲᠣᠠᠠᠳᠡᠴᠠ ᠶᠢ ᠪᠠᠶᠢᠭᠤᠯᠬᠤ ᠶᠢᠨ ᠳᠠᠭᠠᠥ ᠠᠵᠦ ᠠᠬᠤᠢ ᠶᠢᠨ ᠬᠦᠭᠵᠢᠯᠳᠡ ᠪᠠ ᠪᠠᠷᠡᠭᠠᠨ ᠤ | ᠦᠨ᠎ᠠ ᠶᠢᠨ ᠬᠤᠪᠢᠷᠡᠯᠳᠡ ᠵᠡᠷᠭᠡ ᠪᠠᠶᠢᠳᠡᠯ ᠢ ᠦᠨᠳᠣᠰᠣᠯᠡᠨ᠂ ᠴᠠᠭ ᠲᠤᠨᠢ ᠲᠣᠬᠢᠷᠡᠭᠤᠯᠥᠨ ᠪᠦᠬᠦ ᠣᠷᠤᠨ ᠤ ᠰᠠᠭᠤᠷᠢ | ᠨᠠᠰᠣᠵᠢᠯ ᠤᠨ ᠮᠦᠡᠭᠬᠦ ᠶᠢᠨ ᠬᠠᠮᠤᠭ ᠲᠣᠣᠷ᠎ᠠ ᠪᠡᠷᠢᠮᠵᠢᠶ᠎ᠠ ᠶᠢ ᠲᠣᠬᠢᠷᠡᠭᠤᠯᠥᠨ᠎ᠠ᠃ ᠡᠯ᠎ᠡ ᠭᠠᠵᠡᠷ ᠣᠷᠤᠨ ᠨᠢ | ᠪᠤᠳᠠᠳᠣ ᠪᠠᠶᠢᠳᠡᠯ ᠢᠶᠠᠨ ᠦᠨᠳᠣᠰᠣᠯᠡᠨ ᠰᠠᠭᠤᠷᠢ ᠨᠠᠰᠣᠵᠢᠯ ᠤᠨ ᠮᠦᠡᠭᠬᠦ ᠶᠢᠨ ᠪᠡᠷᠢᠮᠵᠢᠶ᠎ᠠ ᠶᠢ ᠵᠣᠬᠢᠰᠳᠡᠢ | ᠳᠡᠭᠡᠭᠰᠢᠯᠡᠬᠦᠯᠵᠦ ᠪᠤᠯᠥᠨ᠎ᠠ᠃ | ︵ᠬᠤᠶᠡᠷ︶ ᠬᠤᠪᠢ ᠬᠦᠮᠦᠨ ᠤ ᠳᠡᠩᠰᠨ ᠡᠷᠦᠭᠡ ᠶᠢᠨ ᠨᠠᠰᠣᠵᠢᠯ ᠤᠨ ᠮᠦᠡᠭᠬᠦ᠃ ᠬᠤᠪᠢ ᠬᠦᠮᠦᠨ ᠤ ᠳᠡᠩᠰᠨ | ᠡᠷᠦᠭᠡ ᠶᠢᠨ ᠨᠠᠰᠣᠵᠢᠯ ᠤᠨ ᠮᠦᠡᠭᠬᠦ ᠶᠢᠨ ᠰᠡᠷ᠎ᠠ ᠪᠠᠷ ᠪᠤᠳᠣᠵᠦ ᠲᠠᠷᠬᠠᠭᠠᠬᠤ ᠪᠡᠷᠢᠮᠵᠢᠶ᠎ᠠ ᠶᠢ ᠣᠳᠣᠬᠠᠨ ᠳᠤ ᠬᠤᠪᠢ | ᠬᠦᠮᠦᠨ ᠤ ᠳᠡᠩᠰᠡᠨ ᠡᠷᠦᠭᠡ ᠳᠠᠬᠢ ᠪᠦᠬᠦ ᠬᠠᠳᠠᠭᠠᠯᠠᠮᠵᠢ ᠶᠢᠨ ᠲᠤᠭ᠎ᠠ ᠶᠢ 139 ︵ᠣᠳᠣ ᠶᠢᠨ ᠭᠡᠷᠡᠭᠵᠢᠬᠦᠯᠵᠦ | ᠪᠦᠬᠦᠢ ᠠᠵᠢᠯᠳᠡᠨ ᠠᠵᠢᠯᠴᠢᠨ ᠤ ᠦᠨᠳᠣᠰᠣᠨ ᠨᠠᠰᠣᠵᠢᠯ ᠤᠨ ᠳᠠᠭᠠᠳᠬᠠᠯ ᠤᠨ ᠬᠤᠪᠢ ᠬᠦᠮᠦᠨ ᠤ ᠳᠡᠩᠰᠨ | ᠡᠷᠦᠭᠡ ᠶᠢᠨ ᠨᠠᠰᠣᠵᠢᠯ ᠤᠨ ᠮᠦᠡᠭᠬᠦ ᠪᠠᠷ ᠪᠤᠳᠣᠵᠦ ᠲᠠᠷᠬᠠᠭᠠᠬᠤ ᠢᠯᠡᠳᠭᠡᠮᠵᠢ ᠯᠦᠭᠡ ᠠᠳᠡᠯᠢ︶ ᠪᠠᠷ ᠬᠤᠪᠢᠶᠡᠨᠠ᠃ | ᠳᠠᠭᠠᠳᠬᠠᠯ ᠳᠤ ᠣᠷᠤᠯᠴᠬᠠᠰᠠᠳ ᠨᠢ ᠨᠠᠰᠥ ᠪᠠᠷᠬᠠᠰᠠᠨ ᠪᠠᠶᠢᠪᠠᠯ᠂ ᠬᠤᠪᠢ ᠬᠦᠮᠦᠨ ᠤ ᠳᠡᠩᠰᠨ ᠡᠷᠦᠭᠡ ᠶᠢᠨ ᠪᠡᠯᠡ | ᠮᠦᠡᠭᠬᠦ ᠶᠢᠨ ᠦᠯᠡᠳᠡᠪᠦᠷᠢ ︵ᠵᠠᠰᠠᠭ ᠤᠨ ᠣᠷᠳᠣᠨ ᠤ ᠨᠦᠬᠦᠪᠦᠷᠢ ᠪᠠᠭᠳᠠᠨ᠎ᠠ︶ ᠶᠢ ᠬᠠᠥᠯᠢ ᠶᠣᠰᠣ ᠪᠠᠷ | ᠵᠠᠯᠭᠠᠮᠵᠢᠯᠡᠵᠦ ᠪᠤᠯᠥᠨ᠎ᠠ᠃ | ᠳᠣᠯᠤᠭ᠎ᠠ᠂ ᠨᠠᠰᠣᠵᠢᠯ ᠤᠨ ᠳᠠᠭᠠᠳᠬᠠᠯ ᠤᠨ ᠣᠯᠭᠤᠮᠵᠢ ᠶᠢ ᠠᠪᠬᠤ ᠨᠦᠬᠦᠴᠡᠯ | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠳᠤ ᠣᠷᠤᠯᠴᠬᠠᠰᠠᠨ ᠬᠤᠪᠢ | ᠬᠦᠮᠦᠨ᠂ ᠪᠦᠬᠦᠯᠢ 60 ᠨᠠᠰᠥ ᠬᠦᠷᠴᠥ᠂ ᠨᠡᠶᠢᠲᠡ ᠪᠦᠬᠦᠯᠢ 15 ᠵᠢᠯ ᠰᠦᠢᠳᠭᠡᠯ ᠲᠣᠰᠢᠶᠠᠭᠠᠳ᠂ ᠣᠯᠣᠰ ᠤᠨ | ᠲᠣᠠᠠᠳᠠᠭᠠᠠᠠᠰᠠᠨ ᠦᠨᠳᠣᠰᠣᠨ ᠨᠠᠰᠣᠵᠢᠯ ᠤᠨ ᠪᠠᠳᠣᠯᠠᠭ᠎ᠠ ᠶᠢᠨ ᠣᠯᠭᠤᠮᠵᠢ ᠶᠢ ᠠᠪᠤᠠᠠᠰᠠᠨ ᠦᠭᠡᠢ ᠪᠠᠶᠢᠪᠠᠯ᠂ ᠬᠤᠳᠡ | ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠣᠯᠭᠤᠮᠵᠢ ᠶᠢ ᠰᠡᠷ᠎ᠠ ᠪᠠᠷ ᠪᠤᠳᠤᠵᠦ ᠠᠪᠴᠥ | ᠪᠤᠯᠤᠨ᠎ᠠ᠃ | ᠬᠦᠳᠡᠭᠡ ᠲᠣᠰᠬᠤᠨ ᠤ ᠰᠢᠨ᠎ᠡ ᠬᠤᠷᠰᠢᠠᠠᠰᠠᠨ ᠡᠮᠨᠡᠯᠭᠡ ᠶᠢᠨ ᠳᠠᠭᠠᠳᠬᠠᠯ᠂ ᠬᠤᠳᠡ ᠬᠦᠳᠡᠭᠡ ᠶᠢᠨ ᠰᠠᠭᠤᠭᠠᠯᠢ | ᠠᠷᠡᠳ ᠤᠨ ᠨᠠᠰᠣᠵᠢᠯ ᠤᠨ ᠳᠠᠭᠠᠳᠬᠠᠯ ᠢ ᠭᠡᠷᠡᠭᠵᠢᠬᠦᠯᠦᠭᠰᠡᠨ ᠡᠳᠣᠷ ᠠᠴᠠ ᠡᠬᠢᠯᠡᠨ᠂ ᠲᠣᠠᠠᠳ᠋ᠬᠠᠰᠠ ᠣᠯᠭᠤᠮᠵᠢ | ᠠᠪᠬᠤ ᠨᠠᠰᠥ ᠨᠢ 15 ᠵᠢᠯ ᠬᠦᠷᠬᠦ ᠦᠭᠡᠢ ᠪᠠᠶᠢᠪᠠᠯ᠂ ᠵᠢᠯ ᠲᠠᠷᠠᠭᠠᠯᠠᠨ ᠰᠦᠢᠳᠭᠡᠯ ᠲᠣᠰᠢᠶ᠋ᠬᠠᠥ ᠶᠣᠰᠣᠳᠡᠢ ᠪᠦᠭᠡᠳ | ᠪᠠᠰᠠ ᠨᠦᠬᠦᠵᠦ ᠲᠣᠰᠢᠶ᠋ᠬᠠᠥ ᠶᠢ ᠵᠦᠪᠰᠢᠶᠡᠷᠡᠵᠦ᠂ ᠨᠡᠶᠢᠲᠡ ᠰᠦᠢᠳᠭᠡᠯ ᠲᠣᠰᠢᠶ᠋ᠬᠠᠥ ᠬᠤᠭᠤᠴᠠᠭ᠎ᠠ ᠶᠢ 15 | ᠵᠢᠯ ᠠᠴᠠ ᠭᠡᠳᠣᠷᠡᠬᠦᠯᠵᠦ ᠪᠤᠯᠬᠤ ᠦᠭᠡᠢ︔ ᠲᠣᠠᠠᠳ᠋ᠬᠠᠰᠠ ᠣᠯᠭᠤᠮᠵᠢ ᠠᠪᠬᠤ ᠨᠠᠰᠥ ᠨᠢ 15 ᠵᠢᠯ ᠠᠴᠠ | ᠭᠡᠳᠣᠷᠡᠭᠰᠡᠨ ᠪᠠᠶᠢᠪᠠᠯ᠂ ᠲᠣᠠᠠᠳ᠋ᠬᠠᠰᠠ ᠵᠢᠯ ᠢᠶᠠᠷ ᠰᠦᠢᠳᠭᠡᠯ ᠲᠣᠰᠢᠶᠡᠵᠦ᠂ ᠨᠡᠶᠢᠲᠡ ᠰᠦᠢᠳᠭᠡᠯ ᠲᠣᠰᠢᠶ᠋ᠬᠠᠰᠠᠨ | ᠬᠤᠭᠤᠴᠠᠭ᠎ᠠ ᠨᠢ 15 ᠵᠢᠯ ᠠᠴᠠ ᠲᠣᠲᠠᠭᠤ ᠪᠠᠶᠢᠵᠦ ᠪᠤᠯᠬᠤ ᠦᠭᠡᠢ᠃ | ᠨᠦᠬᠦᠴᠡᠯ ᠲᠠᠢ ᠣᠷᠤᠨ ᠨᠤᠲᠤᠭ ᠤᠨ ᠵᠠᠰᠠᠭ ᠤᠨ ᠣᠷᠳᠣᠨ ᠨᠢ ᠲᠣᠰ ᠭᠠᠵᠡᠷ ᠤᠨ ᠪᠤᠳᠠᠳᠣ | ᠪᠠᠶᠢᠳᠡᠯ ᠲᠠᠢ ᠪᠠᠨ ᠣᠶᠠᠯᠳᠣᠭᠤᠯᠵᠦ ᠪᠠᠶᠢᠭᠠᠳ ᠭᠡᠬᠦᠷ ᠣᠷᠣᠰᠢᠭᠤᠯᠭ᠎ᠠ ᠶᠢᠨ ᠨᠦᠬᠦᠪᠦᠷᠢ ᠮᠦᠡᠭᠬᠦ ᠶᠢᠨ ᠳᠦᠷᠢᠮ ᠢ | ᠰᠦᠪᠡᠭᠴᠢᠯᠡᠨ ᠪᠠᠶᠢᠭᠤᠯᠵᠦ ᠪᠤᠯᠤᠨ᠎ᠠ᠃ | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠣᠯᠭᠤᠮᠵᠢ ᠠᠪᠬᠤ | ᠬᠦᠮᠦᠨ ᠨᠢ ᠨᠠᠰᠥ ᠪᠠᠷᠬᠠᠰᠠᠨ ᠪᠠᠶᠢᠪᠠᠯ᠂ ᠳᠡᠷᠠᠭ᠎ᠠ ᠰᠡᠷ᠎ᠠ ᠠᠴᠠ ᠨᠢ ᠡᠬᠢᠯᠡᠡ ᠳᠡᠬᠦᠨ ᠳᠤ ᠨᠠᠰᠣᠵᠢᠯ ᠤᠨ ᠮᠦᠡᠭᠬᠦ | ᠣᠯᠭᠤᠬᠤ ᠶᠢ ᠨᠢ ᠵᠣᠠᠠᠰᠣᠭᠠᠨᠠ᠃ ᠨᠡᠶᠢᠭᠡᠮ ᠤᠨ ᠳᠠᠭᠠᠳᠬᠠᠯ ᠢ ᠭᠠᠷᠳᠡᠨ ᠬᠢᠬᠦ ᠪᠠᠶᠢᠭᠤᠯᠥᠮᠵᠢ ᠨᠢ ᠵᠢᠯ ᠪᠦᠷᠢ | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠣᠯᠭᠤᠮᠵᠢ ᠠᠪᠬᠤ ᠬᠦᠮᠦᠨ ᠢ | ᠬᠠᠷᠭᠤᠭᠤᠯᠥᠨ᠎ᠠ︔ ᠭᠠᠴᠠᠭ᠎ᠠ ᠲᠣᠰᠬᠤᠨ᠂ ᠨᠡᠶᠢᠭᠡᠮ ᠲᠤᠭᠤᠷᠢᠭ ᠤᠨ ᠲᠤᠰᠠᠯᠠᠨ ᠬᠦᠢᠴᠡᠳᠬᠡᠭᠴᠢ ᠨᠢ ᠨᠡᠶᠢᠭᠡᠮ ᠤᠨ | ᠳᠠᠭᠠᠳᠬᠠᠯ ᠢ ᠭᠠᠷᠳᠡᠨ ᠬᠢᠬᠦ ᠪᠠᠶᠢᠭᠤᠯᠥᠮᠵᠢ ᠶᠢ ᠬᠠᠮᠵᠢᠨ ᠠᠵᠢᠯ ᠦᠷᠨᠢᠬᠦᠯᠦᠨ᠎ᠠ᠂ ᠭᠠᠴᠠᠭ᠎ᠠ ᠲᠣᠰᠬᠤᠨ᠂ ᠨᠡᠶᠢᠭᠡᠮ | ᠲᠤᠭᠤᠷᠢᠭ ᠤᠨ ᠬᠦᠷᠢᠶ᠎ᠡ ᠭᠡᠪᠴᠢᠶᠡᠨ ᠳᠤ ᠳᠠᠭᠠᠳᠬᠠᠯ ᠳᠤ ᠣᠷᠤᠯᠴᠬᠠᠰᠠᠳ ᠤᠨ ᠣᠯᠭᠤᠮᠵᠢ ᠠᠪᠬᠤ ᠬᠢᠷᠢ ᠭᠡᠮ ᠢ | ᠢᠯᠡ ᠨᠡᠶᠢᠲᠡᠯᠡᠬᠦ ᠶᠢᠨ ᠳᠠᠭᠠᠥ ᠠᠵᠢᠯᠳᠡᠨ ᠠᠵᠢᠯᠴᠢᠨ ᠤ ᠦᠨᠳᠣᠰᠣᠨ ᠨᠠᠰᠣᠵᠢᠯ ᠤᠨ ᠳᠠᠭᠠᠳᠬᠠᠯ ᠤᠨ ᠣᠯᠭᠤᠮᠵᠢ | ᠵᠡᠷᠭᠡ ᠶᠢ ᠠᠪᠤᠠᠠᠰᠠᠨ ᠳᠡᠮᠳᠡᠭᠯᠡᠯ ᠢ ᠨᠢ ᠬᠠᠷᠢᠴᠠᠭᠤᠯᠵᠦ᠂ ᠳᠡᠪᠬᠤᠷᠳᠡᠭᠤᠯᠬᠤ ᠦᠭᠡᠢ᠂ ᠭᠤᠭᠤᠵᠢᠠᠠᠳᠡᠭᠤᠯᠬᠤ ᠦᠭᠡᠢ᠂ | ᠪᠤᠷᠣᠭᠤᠳᠡᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠨᠠᠢᠮᠨ᠂ ᠰᠢᠯᠵᠢᠬᠦᠯᠦᠨ ᠦᠭᠬᠦ ᠶᠢ ᠵᠠᠯᠭᠠᠭᠤᠯᠬᠤ ᠬᠢᠭᠡᠳ ᠳᠦᠷᠢᠮ ᠢ ᠵᠣᠯᠭᠠᠭᠤᠯᠬᠤ | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠳᠤ ᠣᠷᠣᠯᠴᠬᠠᠰᠠᠳ ᠨᠢ | ᠰᠦᠢᠳᠭᠡᠯ ᠲᠣᠰᠢᠶ᠋ᠬᠠᠥ ᠬᠤᠭᠤᠴᠠᠭᠠᠨ ᠳᠤ ᠡᠷᠦᠭᠡ ᠠᠮᠠ ᠨᠡᠬᠦᠯᠬᠡᠬᠦ᠂ ᠭᠠᠵᠡᠷ ᠣᠷᠤᠨ ᠠᠯᠥᠰᠯᠠᠨ ᠬᠤᠳᠡ | ᠬᠦᠳᠡᠭᠡ ᠶᠢᠨ ᠰᠠᠭᠤᠭᠠᠯᠢ ᠠᠷᠡᠳ ᠤᠨ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠪᠠᠨ ᠰᠢᠯᠵᠢᠬᠦᠯᠬᠦ ᠴᠢᠬᠤᠯᠠᠳᠡᠢ | ᠪᠣᠯ᠂ ᠨᠡᠬᠦᠵᠦ ᠣᠴᠢᠠᠠᠰᠠᠨ ᠭᠠᠵᠡᠷ ᠲᠠᠭᠠᠨ ᠨᠠᠰᠣᠵᠢᠯ ᠤᠨ ᠳᠠᠭᠠᠳᠬᠠᠯ ᠤᠨ ᠬᠠᠷᠢᠴᠠᠭ᠎ᠠ ᠪᠠᠨ ᠰᠢᠯᠵᠢᠬᠦᠯᠬᠦ ᠪᠠᠷ | ᠭᠤᠶᠣᠴᠢᠯᠡᠵᠦ ᠪᠤᠯᠤᠨ᠎ᠠ᠂ ᠭᠡᠬᠦ ᠳᠡᠭᠡᠨ ᠨᠢᠭᠡᠯᠨ ᠣᠳᠠᠭ᠎ᠠ ᠳᠤ ᠬᠤᠪᠢ ᠬᠦᠮᠦᠨ ᠤ ᠳᠡᠩᠰᠨᠨ ᠡᠷᠦᠭᠡ ᠶᠢᠨ ᠪᠦᠬᠦ | ᠬᠠᠳᠠᠭᠠᠯᠠᠮᠵᠢ ᠪᠠᠨ ᠰᠢᠯᠵᠢᠬᠦᠯᠬᠦ ᠶᠢᠨ ᠬᠠᠮᠳᠣ ᠨᠡᠬᠦᠵᠦ ᠣᠴᠢᠠᠠᠰᠠᠨ ᠭᠠᠵᠡᠷ ᠤᠨ ᠲᠣᠠᠠᠳᠠᠭᠠᠯ ᠢᠶᠠᠷ ᠦᠷᠬᠦᠯᠵᠢᠯᠡᠨ | ᠳᠠᠭᠠᠳᠬᠠᠯ ᠳᠤ ᠣᠷᠤᠯᠴᠠᠵᠥ ᠰᠦᠢᠳᠭᠡᠯ ᠲᠣᠰᠢᠶᠡᠨᠠ᠂ ᠰᠦᠢᠳᠭᠡᠯ ᠲᠣᠰᠢᠶ᠋ᠬᠠᠰᠠᠨ ᠣᠨ ᠵᠢᠯ ᠢ ᠨᠢ ᠨᠡᠶᠢᠯᠡᠬᠦᠯᠦᠨ | ᠪᠤᠳᠤᠨ᠎ᠠ︔ ᠨᠢᠭᠡᠨᠳᠡ ᠲᠣᠠᠠᠳᠠᠭᠠᠯ ᠶᠣᠰᠣᠭᠠᠷ ᠬᠤᠳᠡ ᠬᠦᠳᠡᠭᠡ ᠶᠢᠨ ᠨᠠᠰᠣᠵᠢᠯ ᠤᠨ ᠳᠠᠭᠠᠳᠬᠠᠯ ᠤᠨ | ᠣᠯᠭᠤᠮᠵᠢ ᠪᠠᠨ ᠠᠪᠴᠢᠭᠰᠠᠨ ᠪᠣᠯ᠂ ᠡᠷᠦᠭᠡ ᠠᠮᠠ ᠪᠠᠨ ᠨᠡᠬᠦᠯᠬᠡᠭᠰᠡᠨ ᠡᠰᠡᠬᠦ᠂ ᠲᠡᠳᠡᠨ ᠤ ᠨᠠᠰᠣᠵᠢᠯ ᠤᠨ | ᠳᠠᠭᠠᠳᠬᠠᠯ ᠤᠨ ᠬᠠᠷᠢᠴᠠᠭ᠎ᠠ ᠶᠢ ᠨᠢ ᠰᠢᠯᠵᠢᠬᠦᠯᠬᠦ ᠦᠬᠡᠢ᠃ | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠳᠦᠷᠢᠮ ᠪᠠ ᠠᠵᠢᠯᠳᠡᠨ | ᠠᠵᠢᠯᠴᠢᠨ ᠤ ᠦᠨᠳᠣᠰᠣᠨ ᠨᠠᠰᠣᠵᠢᠯ ᠤᠨ ᠳᠠᠭᠠᠳᠬᠠᠯ᠂ ᠬᠠᠷᠡᠭᠠᠯᠵᠠᠨ ᠲᠣᠬᠢᠷᠡᠭᠤᠯᠬᠤ᠂ ᠬᠤᠳᠡ ᠬᠦᠳᠡᠭᠡ ᠶᠢᠨ | ᠰᠠᠭᠤᠭᠠᠯᠢ ᠠᠷᠡᠳ ᠤᠨ ᠠᠮᠢᠳᠣᠷᠡᠯ ᠤᠨ ᠨᠠᠭᠠᠳᠣ ᠵᠠᠬ᠎ᠠ ᠶᠢᠨ ᠪᠠᠳᠣᠯᠠᠭ᠎ᠠ᠂ ᠬᠦᠳᠡᠭᠡ ᠲᠣᠰᠬᠤᠨ ᠤ ᠳᠠᠪᠤᠨ | ᠪᠠᠳᠣᠯᠠᠭᠠᠳᠣ ᠠᠰᠠᠷᠡᠨ ᠳᠡᠵᠢᠭᠡᠬᠦ ᠵᠡᠷᠭᠡ ᠨᠡᠶᠢᠭᠡᠮ ᠤᠨ ᠪᠠᠳᠣᠯᠠᠭ᠎ᠠ ᠶᠢᠨ ᠳᠦᠷᠢᠮ ᠵᠢᠴᠢ ᠬᠦᠳᠡᠭᠡ ᠲᠣᠰᠬᠤᠨ ᠤ | ᠭᠡᠰᠡᠭ ᠳᠦᠯᠦᠪᠯᠡᠭᠡᠳᠣ ᠦᠷᠡᠵᠢᠯ ᠤᠨ ᠭᠡᠷ ᠪᠦᠯᠢ ᠶᠢ ᠱᠠᠩᠨᠡᠨ ᠬᠦᠬᠢᠬᠦᠯᠵᠦ ᠳᠡᠳᠬᠦᠨ ᠳᠡᠮᠵᠢᠬᠦ ᠳᠦᠷᠢᠮ ᠯᠦᠭᠡ | ᠵᠣᠯᠭᠠᠭᠤᠯᠵᠤ᠂ ᠬᠠᠮᠢᠶ᠎ᠠ ᠪᠦᠬᠦᠢ ᠲᠣᠠᠠᠳᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | ᠶᠢᠰᠣ᠂ ᠰᠠᠭᠤᠷᠢ ᠮᠦᠡᠭᠬᠦ ᠶᠢᠨ ᠬᠠᠮᠢᠶᠡᠷᠦᠯᠳᠡ ᠪᠠ ᠡᠵᠡᠩᠨᠡᠯᠳᠡ | ᠡᠯ᠎ᠡ ᠭᠠᠵᠡᠷ ᠣᠷᠤᠨ ᠨᠢ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ | ᠰᠠᠭᠤᠷᠢ ᠮᠦᠡᠭᠬᠦ ᠶᠢᠨ ᠡᠳ᠋ ᠤᠨ ᠶᠠᠪᠤᠳᠡᠯ ᠨᠢᠠᠠᠳᠡᠯᠡᠨ ᠪᠤᠳᠣᠬᠤ ᠳᠦᠷᠢᠮ ᠪᠠ ᠡᠯ᠎ᠡ ᠵᠦᠢᠯ ᠤᠨ ᠲᠣᠬᠠᠶᠢᠯᠬᠠᠰᠠᠨ | ᠠᠵᠢᠯ ᠤᠨ ᠬᠠᠮᠢᠶᠡᠷᠦᠯᠳᠡ ᠶᠢᠨ ᠳᠦᠷᠢᠮ ᠲᠣᠠᠠᠳᠠᠭᠠᠯ ᠢ ᠣᠯᠡᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠰᠠᠭᠤᠷᠢ ᠮᠦᠡᠭᠬᠦ ᠶᠢ ᠨᠡᠶᠢᠭᠡᠮ ᠤᠨ | ᠪᠠᠳᠣᠯᠠᠭ᠎ᠠ ᠶᠢᠨ ᠰᠠᠭᠤᠷᠢ ᠮᠦᠡᠭᠬᠦ ᠶᠢᠨ ᠡᠳ᠋ ᠤᠨ ᠵᠠᠰᠠᠭ ᠤᠨ ᠲᠣᠰᠬᠠᠢ ᠳᠡᠩᠰᠡᠨ ᠳᠤ ᠣᠷᠣᠭᠤᠯᠵᠦ᠂ ᠣᠷᠣᠯᠭ᠎ᠠ | ᠵᠠᠷᠣᠯᠭ᠎ᠠ ᠶᠢᠨ ᠬᠤᠶᠠᠷ ᠱᠣᠭᠤᠮ ᠤᠨ ᠬᠠᠮᠢᠶᠡᠷᠦᠯᠳᠡ ᠶᠢ ᠭᠡᠷᠡᠭᠵᠢᠬᠦᠯᠵᠦ᠂ ᠠᠰᠳᠠᠭᠠᠨ ᠳᠡᠩᠰᠠᠯᠡᠨ᠂ ᠲᠣᠰᠠᠭᠠᠷ | ᠲᠣᠭᠠᠴᠠᠭ᠎ᠠ ᠬᠢᠵᠦ᠂ ᠶᠠᠮᠠᠷᠪᠠ ᠭᠠᠵᠡᠷ ᠣᠷᠤᠨ᠂ ᠰᠠᠯᠠᠭ᠎ᠠ ᠮᠦᠴᠢᠷ᠂ ᠨᠢᠭᠡᠴᠡ ᠪᠠ ᠬᠤᠪᠢ ᠬᠦᠮᠦᠨ ᠬᠡᠳ ᠴᠦᠮ | ᠰᠢᠬᠠᠨ ᠡᠵᠡᠯᠡᠵᠦ ᠨᠡᠬᠦᠯᠭᠡᠨ ᠭᠡᠷᠡᠭᠯᠡᠬᠦ ᠪᠠ ᠬᠤᠳᠡᠯ ᠭᠡᠯᠡᠵᠦ ᠮᠡᠭᠡᠯᠡᠨ ᠠᠪᠴᠥ ᠪᠣᠯᠬᠤ ᠦᠭᠡᠢ᠂ ᠬᠤᠳᠡ | ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠰᠠᠭᠤᠷᠢ ᠮᠦᠡᠭᠬᠦ ᠶᠢᠨ ᠲᠠᠯ᠎ᠠ ᠪᠠᠷ ᠬᠢ | ᠦᠪᠡᠷᠳᠡᠭᠡᠨ ᠵᠠᠰᠬᠠᠥ ᠣᠷᠤᠨ ᠤ ᠳᠡᠰ ᠤᠨ ᠬᠠᠮᠢᠶᠡᠷᠦᠯᠳᠡ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ᠃ | | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠰᠠᠭᠤᠷᠢ ᠮᠦᠡᠭᠬᠦ ᠶᠢ | ᠣᠯᠣᠰ ᠤᠨ ᠨᠢᠭᠡᠳᠦᠯᠳᠡᠢ ᠲᠣᠠᠠᠳᠠᠭᠠᠯ ᠶᠣᠰᠣᠭᠠᠷ ᠪᠡᠯᠡ ᠣᠷᠤᠭᠤᠯᠥᠨ ᠡᠷᠬᠢᠯᠳᠡᠬᠦᠯᠵᠦ ᠦᠷᠲᠡᠭ ᠢ ᠨᠢ ᠪᠠᠳᠣᠯᠠᠵᠦ | ᠦᠷᠲᠡᠭ ᠢ ᠨᠢ ᠨᠡᠮᠡᠭᠳᠡᠬᠦᠯᠬᠦ ᠶᠢ ᠪᠠᠶᠠᠯᠠᠬᠦᠯᠦᠨ᠎ᠠ᠃ | ᠠᠷᠪᠠ᠂ ᠰᠠᠭᠤᠷᠢ ᠮᠦᠡᠭᠬᠦ ᠶᠢᠨ ᠬᠢᠨᠡᠯᠳᠡ ᠲᠠᠯᠪᠢᠯᠲᠠ | ᠡᠯ᠎ᠡ ᠱᠠᠳᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠰᠠᠯᠠᠭ᠎ᠠ | ᠮᠦᠴᠢᠷ ᠤᠳ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠯᠴᠠᠨ ᠪᠠᠶᠢᠵᠦ ᠬᠢᠨᠡᠨ ᠬᠠᠮᠢᠶᠡᠷᠬᠤ ᠡᠬᠦᠷᠭᠡ | ᠬᠠᠷᠢᠭᠤᠴᠠᠯᠭ᠎ᠠ ᠪᠠᠨ ᠨᠡᠷᠢᠨ ᠬᠢᠨᠠᠮᠠᠭᠠᠢ ᠬᠦᠢᠴᠡᠳᠭᠡᠵᠦ᠂ ᠲᠣᠳᠣᠭᠠᠳᠤ ᠶᠢᠨ ᠬᠢᠵᠠᠭᠠᠷᠯᠬᠠᠥ ᠳᠦᠷᠢᠮ ᠪᠠ ᠰᠠᠭᠤᠷᠢ | ᠮᠦᠡᠭᠬᠦ ᠶᠢᠨ ᠬᠠᠷᠭᠤᠭᠤᠯᠥᠨ ᠪᠤᠳᠤᠵᠦ ᠬᠢᠨᠡᠯᠳᠡ ᠳᠡᠯᠪᠢᠬᠤ ᠳᠦᠷᠢᠮ ᠢ ᠪᠠᠶᠢᠭᠤᠯᠥᠨ ᠪᠦᠷᠢᠨᠰᠢᠬᠦᠯᠵᠦ᠂ ᠰᠠᠭᠤᠷᠢ | ᠮᠦᠡᠭᠬᠦ ᠶᠢᠨ ᠬᠤᠷᠡᠮᠳᠣᠭᠤᠯᠬᠤ᠂ ᠲᠡᠭᠡᠭᠰᠢ ᠲᠣᠰᠢᠶ᠋ᠬᠠᠥ᠂ ᠰᠢᠯᠵᠢᠬᠦᠯᠦᠨ ᠦᠭᠬᠦ᠂ ᠲᠠᠷᠬᠠᠭᠠᠬᠤ᠂ ᠬᠠᠳᠠᠭᠠᠯᠬᠠᠥ᠂ | ᠬᠠᠮᠢᠶᠡᠷᠬᠤ ᠵᠡᠷᠭᠡ ᠶᠢ ᠬᠢᠨᠠᠨ ᠡᠵᠡᠮᠳᠡᠬᠦ ᠪᠠ ᠪᠠᠶᠢᠴᠠᠭᠠᠯᠳᠡ ᠬᠢᠬᠦ ᠶᠢᠨ ᠬᠠᠮᠲᠤ᠂ ᠲᠣᠠᠠᠳᠠᠭᠠᠯ ᠶᠣᠰᠣᠭᠠᠷ ᠮᠡᠳᠡᠭᠡ | ᠵᠡᠩᠬᠢ ᠶᠢ ᠢᠯᠡ ᠪᠤᠯᠭᠠᠵᠦ᠂ ᠨᠡᠶᠢᠭᠡᠮ ᠤᠨ ᠬᠢᠨᠡᠯᠳᠡ ᠳᠡᠯᠪᠢᠯᠳᠡ ᠶᠢ ᠬᠦᠯᠢᠶᠡᠨ᠎ᠠ᠃ ᠡᠳ᠋ ᠤᠨ ᠵᠠᠰᠠᠭ᠂ ᠬᠢᠨᠡᠨ | ᠪᠤᠳᠣᠬᠤ ᠰᠠᠯᠠᠭ᠎ᠠ ᠮᠦᠴᠢᠷ ᠤᠳ ᠲᠣᠰ ᠲᠣᠰ ᠤᠨ ᠡᠬᠦᠷᠭᠡ ᠬᠠᠷᠢᠭᠤᠴᠠᠯᠭ᠎ᠠ ᠶᠣᠰᠣᠭᠠᠷ᠂ ᠰᠠᠭᠤᠷᠢ ᠮᠦᠡᠭᠬᠦ ᠶᠢᠨ | ᠣᠷᠣᠯᠭ᠎ᠠ ᠵᠠᠷᠣᠯᠭ᠎ᠠ᠂ ᠬᠠᠮᠢᠶᠡᠷᠦᠯᠳᠡ ᠪᠠ ᠪᠡᠯᠡ ᠣᠷᠤᠭᠤᠯᠥᠨ ᠡᠷᠬᠢᠯᠳᠡᠬᠦᠯᠦᠭᠰᠡᠨ ᠪᠠᠶᠢᠳᠡᠯ ᠳᠤ ᠬᠢᠨᠡᠯᠳᠡ ᠳᠡᠯᠪᠢᠨ᠎ᠠ | ᠃ ᠬᠤᠳᠡᠯ ᠭᠡᠯᠡᠵᠦ ᠮᠡᠬᠡᠯᠡᠨ ᠠᠪᠬᠤ᠂ ᠰᠢᠬᠠᠨ ᠡᠵᠡᠯᠡᠵᠦ ᠨᠡᠬᠦᠯᠭᠡᠨ ᠭᠡᠷᠡᠭᠯᠡᠬᠦ᠂ ᠱᠠᠯᠢᠨ ᠪᠦᠷᠢᠯᠭᠡᠬᠦ ᠵᠡᠷᠭᠡ ᠬᠠᠥᠯᠢ | ᠰᠠᠬᠢᠯᠭ᠎ᠠ ᠠᠴᠠ ᠵᠦᠷᠢᠴᠡᠭᠰᠡᠨ ᠠᠵᠢᠯᠯᠠᠭ᠎ᠠ ᠳᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ | ᠬᠠᠥᠯᠢ ᠴᠠᠭᠠᠵᠠ ᠬᠠᠥᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ ᠭᠠᠴᠠᠭ᠎ᠠ ᠳᠣᠰᠬᠤᠨ ᠤ | ᠠᠷᠡᠳ ︵ᠨᠡᠶᠢᠭᠡᠮ ᠲᠤᠭᠤᠷᠢᠭ ᠤᠨ ᠰᠠᠭᠤᠭᠠᠯᠢ ᠠᠷᠡᠳ︶ ᠤᠨ ᠳᠦᠯᠦᠭᠡᠯᠡᠭᠴᠢ ᠣᠷᠤᠯᠴᠬᠠᠰᠠᠨ ᠨᠡᠶᠢᠭᠡᠮ ᠤᠨ | ᠬᠢᠨᠡᠯᠳᠡ ᠳᠡᠯᠪᠢᠬᠤ ᠪᠦᠳᠦᠮᠵᠢᠳᠡᠢ ᠠᠷᠭ᠎ᠠ ᠮᠠᠶ᠋ᠢᠭ ᠢ ᠢᠳᠡᠪᠬᠢᠳᠡᠢ ᠰᠦᠪᠡᠭᠴᠢᠯᠡᠵᠦ᠂ ᠰᠠᠭᠤᠷᠢ ᠮᠦᠡᠭᠬᠦ ᠶᠢ ᠢᠯᠡ | ᠲᠣᠳᠣ ᠪᠣᠯᠭᠠᠵᠤ᠂ ᠳᠦᠷᠢᠮ ᠢ ᠢᠯᠡ ᠪᠠᠷ ᠬᠡᠷᠡᠭᠵᠢᠭᠦᠯᠬᠦ ᠬᠡᠷᠡᠭᠲᠡᠢ᠃ | ᠠᠷᠪᠠᠨ ᠨᠢᠭᠡ᠂ ᠭᠠᠷᠳᠡᠨ ᠬᠢᠵᠦ ᠬᠠᠮᠢᠶᠡᠷᠴᠥ ᠦᠢᠯᠡᠴᠢᠯᠡᠬᠦ | ᠡᠯ᠎ᠡ ᠭᠠᠵᠡᠷ ᠣᠷᠤᠨ ᠤ ᠬᠢᠨ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠢ | ᠭᠠᠷᠳᠡᠨ ᠬᠢᠬᠦ ᠴᠢᠳᠡᠪᠦᠷᠢ ᠶᠢᠨ ᠪᠠᠶᠢᠭᠤᠯᠥᠯᠳᠡ ᠪᠠᠨ ᠦᠨᠡᠨᠬᠦ ᠴᠢᠩᠭᠠᠳᠬᠠᠵᠦ᠂ ᠲᠣᠰ ᠭᠠᠵᠡᠷ ᠣᠷᠤᠨ ᠤ | ᠪᠤᠲᠠᠲᠠᠢ ᠲᠠᠢ ᠪᠠᠨ ᠣᠶᠠᠯᠳᠣᠭᠤᠯᠥᠨ᠂ ᠣᠳᠣ ᠶᠢᠨ ᠪᠠᠶᠢᠭ᠎ᠠ ᠣᠯᠡᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ | ᠪᠠ ᠨᠡᠶᠢᠭᠡᠮ ᠤᠨ ᠳᠠᠭᠠᠳᠬᠠᠯ ᠢ ᠭᠠᠷᠳᠡᠨ ᠬᠢᠵᠦ ᠬᠠᠮᠢᠶᠡᠷᠬᠤ ᠡᠬᠢ ᠪᠠᠶᠠᠯᠢᠭ ᠢᠶᠠᠨ ᠰᠢᠨᠵᠢᠯᠡᠬᠦ ᠣᠬᠠᠭᠠᠨᠴᠢ ᠪᠠᠷ | ᠨᠡᠶᠢᠯᠡᠬᠦᠯᠵᠦ᠂ ᠦᠨᠳᠣᠰᠣᠨ ᠱᠠᠳᠣᠨ ᠤ ᠭᠠᠷᠳᠡᠨ ᠬᠢᠬᠦ ᠬᠦᠴᠦᠨ ᠢ ᠳᠡᠬᠦᠯᠳᠡᠷᠵᠢᠬᠦᠯᠦᠨ ᠴᠢᠩᠭᠠᠳᠬᠠᠵᠦ᠂ | ᠣᠨᠣᠪᠴᠢᠳᠡᠢ ᠬᠠᠮᠢᠶᠡᠷᠴᠥ᠂ ᠳᠦᠬᠦᠮ ᠳᠦᠷᠭᠡᠨ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ᠃ ᠣᠳᠣ ᠦᠶ᠎ᠡ ᠶᠢᠨ | ᠬᠠᠮᠢᠶᠡᠷᠦᠯᠳᠡ ᠶᠢᠨ ᠠᠷᠭ᠎ᠠ ᠮᠠᠶ᠋ᠢᠭ ᠪᠠ ᠵᠠᠰᠠᠭ ᠤᠨ ᠣᠷᠳᠣᠨ ᠤ ᠦᠢᠯᠡᠴᠢᠯᠡᠭᠡ ᠬᠤᠳᠡᠯᠳᠣᠨ ᠠᠪᠬᠤ ᠠᠷᠭ᠎ᠠ | ᠮᠠᠶ᠋ᠢᠭ ᠢ ᠴᠢᠬᠤᠯᠠᠴᠢᠯᠠᠨ ᠭᠡᠷᠡᠭᠯᠡᠵᠦ᠂ ᠵᠠᠰᠠᠭ ᠵᠠᠬᠢᠷᠭᠠᠨ ᠤ ᠦᠪᠡᠷ ᠤᠨ ᠦᠷᠲᠡᠭ ᠢ ᠪᠠᠭᠤᠷᠡᠭᠤᠯᠦᠨ᠂ ᠠᠵᠢᠯ ᠤᠨ | ᠦᠷ᠎ᠠ ᠪᠦᠳᠦᠮᠵᠢ ᠶᠢ ᠳᠡᠭᠡᠭᠰᠢᠯᠡᠬᠦᠯᠦᠨ᠎ᠠ᠃ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ | ᠳᠠᠭᠠᠳᠬᠠᠯ ᠤᠨ ᠠᠵᠢᠯᠳᠡᠨ ᠤ ᠲᠣᠰᠬᠠᠢ ᠮᠡᠷᠭᠡᠵᠢᠯ ᠤᠨ ᠪᠤᠯᠪᠠᠰᠣᠷᠡᠭᠤᠯᠥᠯ ᠢ ᠴᠢᠩᠭᠠᠳᠬᠠᠵᠦ᠂ ᠣᠯᠡᠨ ᠨᠡᠶᠢᠲᠡ ᠶᠢᠨ | ᠦᠢᠯᠡᠴᠢᠯᠡᠭᠡᠨ ᠤ ᠬᠢᠷᠢ ᠭᠡᠮᠵᠢᠶ᠎ᠠ ᠶᠢ ᠳᠡᠰᠣᠷᠡᠯᠳᠡ ᠦᠭᠡᠢ ᠲᠡᠭᠡᠭᠰᠢᠯᠡᠬᠦᠯᠦᠨ᠎ᠡ᠃ ᠨᠡᠶᠢᠭᠡᠮ ᠤᠨ ᠲᠠᠭᠠᠳᠬᠠᠯ ᠤᠨ | ᠭᠠᠷᠳᠡᠨ ᠬᠢᠬᠦ ᠪᠠᠶᠢᠭᠤᠯᠥᠮᠵᠢ ᠨᠤᠭᠤᠳ ᠳᠠᠭᠠᠳᠬᠠᠯ ᠳᠤ ᠣᠷᠤᠯᠴᠬᠠᠰᠠᠳ ᠤᠨ ᠰᠦᠢᠳᠭᠡᠯ ᠲᠣᠰᠢᠶ᠋ᠬᠠᠰᠠᠨ ᠪᠠ | ᠣᠯᠭᠤᠮᠵᠢ ᠠᠪᠤᠠᠠᠰᠠᠨ ᠪᠠᠶᠢᠳᠡᠯ ᠢ ᠨᠡᠷᠢᠨ ᠬᠢᠨᠠᠮᠠᠭᠠᠢ ᠳᠡᠮᠳᠡᠭᠯᠡᠵᠦ᠂ ᠳᠠᠭᠠᠳᠬᠠᠯ ᠳᠤ ᠣᠷᠤᠯᠴᠬᠠᠰᠠᠨ ᠳᠡᠩᠰᠡ | ᠡᠪᠭᠡᠮᠡᠯ ᠢ ᠪᠠᠶᠢᠭᠤᠯᠥᠨ᠂ ᠲᠣᠠᠠᠳᠠᠭᠠᠯ ᠶᠣᠰᠣᠭᠠᠷ ᠲᠤᠬᠢᠷᠠᠮᠵᠢᠳᠠᠢ ᠬᠠᠳᠠᠭᠠᠯᠬᠠᠥ ᠭᠡᠷᠡᠭᠳᠡᠢ᠃ ᠡᠯ᠎ᠡ ᠭᠠᠵᠡᠷ | ᠣᠷᠤᠨ ᠤ ᠬᠢᠨ ᠭᠠᠷᠳᠡᠨ ᠬᠢᠬᠦ ᠪᠠᠶᠢᠭᠤᠯᠥᠮᠵᠢ ᠳᠤ ᠴᠢᠬᠤᠯᠠ ᠪᠦᠬᠦᠢ ᠠᠵᠢᠯᠯᠬᠠᠥ ᠳᠡᠯᠡᠪᠤᠷ᠂ ᠪᠡᠯᠡᠳᠭᠡᠮᠵᠢ | ᠳᠦᠬᠦᠭᠡᠷᠦᠮᠵᠢ᠂ ᠵᠠᠷᠣᠳᠡᠯ ᠤᠨ ᠪᠠᠳᠣᠯᠠᠭ᠎ᠠ ᠬᠠᠩᠭᠠᠬᠤ ᠬᠡᠷᠡᠭᠲᠡᠢ᠃ ᠬᠤᠳᠡ ᠬᠦᠳᠡᠭᠡ ᠶᠢᠨ ᠰᠠᠭᠤᠭᠠᠯᠢ ᠠᠷᠡᠳ ᠤᠨ | ᠨᠠᠰᠣᠵᠢᠯ ᠤᠨ ᠳᠠᠭᠠᠳᠬᠠᠯ ᠤᠨ ᠠᠵᠢᠯ ᠤᠨ ᠵᠠᠷᠣᠳᠡᠯ ᠢ ᠠᠳᠡᠯᠢ ᠱᠠᠳᠣᠨ ᠤ ᠡᠳ᠋ ᠤᠨ ᠵᠠᠰᠠᠭ ᠤᠨ ᠳᠦᠰᠦᠪ ᠲᠤ | ᠤᠷᠤᠭᠤᠯᠬᠤ ᠬᠡᠷᠡᠭᠳᠡᠢ᠂ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠰᠠᠭᠤᠷᠢ | ᠮᠦᠡᠭᠬᠦ ᠠᠴᠠ ᠵᠠᠷᠣᠴᠠᠭᠤᠯᠵᠦ ᠪᠤᠯᠬᠤ ᠦᠭᠡᠢ᠃ | ᠠᠷᠪᠠᠨ ᠬᠤᠶᠠᠷ᠂ ᠮᠡᠳᠡᠭᠡ ᠵᠠᠩᠬᠢᠵᠢᠯ ᠤᠨ ᠪᠠᠶᠢᠭᠤᠯᠥᠯᠳᠡ | ᠡᠯ᠎ᠡ ᠭᠠᠵᠡᠷ ᠣᠷᠤᠨ ᠤ ᠬᠢᠨ ᠦᠪᠡᠷᠳᠡᠭᠡᠨ ᠵᠠᠰᠬᠠᠥ ᠣᠷᠤᠨ ᠤ ᠬᠤᠳᠡ ᠬᠦᠳᠡᠭᠡ ᠶᠢᠨ ᠰᠠᠭᠤᠭᠠᠯᠢ ᠠᠷᠡᠳ ᠤᠨ | ᠨᠠᠰᠣᠵᠢᠯ ᠤᠨ ᠳᠠᠭᠠᠳᠬᠠᠯ ᠤᠨ ᠮᠡᠳᠡᠭᠡ ᠵᠠᠩᠬᠢ ᠶᠢᠨ ᠬᠠᠮᠢᠶᠡᠷᠦᠯᠳᠡ ᠶᠢᠨ ᠰᠢᠰᠲ᠋ᠤᠮ ᠤᠨ ᠲᠤᠭ᠎ᠠ ᠪᠡᠷᠢᠮᠳᠡ ᠶᠢ | ᠶᠡᠭᠡᠪᠡᠷ ᠲᠦᠪᠯᠡᠷᠡᠬᠦᠯᠦᠭᠰᠡᠨ ᠰᠠᠭᠤᠷᠢᠨ ᠳᠡᠭᠡᠷ᠎ᠠ᠂ ᠰᠢᠰᠲ᠋ᠤᠮᠵᠢᠬᠦᠯᠦᠨ ᠭᠡᠷᠡᠭᠯᠡᠬᠦ ᠶᠢ ᠴᠢᠩᠭᠠᠷᠡᠭᠤᠯᠵᠦ᠂ | ᠲᠣᠬᠠᠶᠢᠯᠬᠠᠰᠠᠨ ᠠᠵᠢᠯ ᠤᠨ ᠭᠠᠷᠳᠡᠨ ᠬᠢᠬᠦ ᠦᠷ᠎ᠠ ᠪᠦᠳᠦᠮᠵᠢ ᠶᠢ ᠦᠨᠡᠨᠬᠦ ᠲᠡᠭᠡᠭᠰᠢᠯᠡᠬᠦᠯᠬᠦ ᠬᠡᠷᠡᠭᠳᠡᠢ︔ | ᠨᠦᠬᠦᠴᠡᠯ ᠲᠠᠢ ᠭᠠᠵᠡᠷ ᠣᠷᠤᠨ ᠨᠢ ᠲᠣᠣᠷ ᠰᠦᠯᠵᠢᠶ᠎ᠡ ᠶᠢ ᠵᠠᠰᠠᠭ ᠵᠠᠬᠢᠷᠭᠠᠨ ᠤ ᠲᠣᠰᠬᠤᠨ ᠳᠤ ᠬᠦᠷᠳᠡᠯ᠎ᠠ | ᠣᠷᠳᠣᠳᠬᠠᠬᠤ ᠬᠡᠷᠡᠭᠳᠡᠢ︔ ᠪᠦᠬᠦ ᠣᠯᠣᠰ ᠤᠨ ᠨᠡᠶᠢᠭᠡᠮ ᠤᠨ ᠪᠠᠳᠣᠯᠠᠭ᠎ᠠ ᠶᠢᠨ ᠨᠢᠭᠡᠳᠦᠯᠳᠡᠢ ᠺᠠᠷᠲ ᠢ ᠶᠡᠭᠡᠪᠡᠷ | ᠭᠡᠷᠡᠭᠵᠢᠬᠦᠯᠦᠨ᠂ ᠳᠠᠭᠠᠳᠬᠠᠯ ᠳᠤ ᠣᠷᠤᠯᠴᠬᠠᠰᠠᠳ ᠤᠨ ᠺᠠᠷᠲ ᠭᠡᠷᠡᠭᠯᠡᠨ ᠰᠦᠢᠳᠭᠡᠯ ᠲᠣᠰᠢᠶ᠋ᠬᠠᠥ᠂ ᠣᠯᠭᠤᠮᠵᠢ | ᠠᠪᠬᠤ ᠪᠠ ᠲᠣᠰ ᠬᠦᠮᠦᠨ ᠤ ᠳᠠᠭᠠᠳᠬᠠᠯ ᠳᠤ ᠣᠷᠤᠯᠴᠬᠠᠰᠠᠨ ᠮᠡᠳᠡᠭᠡ ᠵᠡᠩᠬᠢ ᠪᠠᠨ ᠯᠠᠪᠯᠬᠠᠥ ᠳᠤ ᠳᠦᠬᠦᠮ | ᠦᠵᠡᠬᠦᠯᠦᠨ᠎ᠠ᠃ | ᠠᠷᠪᠠᠨ ᠭᠤᠷᠪᠡ᠂ ᠵᠣᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠ ᠳᠦᠷᠦ ᠶᠢᠨ ᠪᠤᠳᠣᠯᠭ᠎ᠠ ᠶᠢᠨ | ᠣᠬᠠᠭᠤᠯᠥᠯ | ᠡᠯ᠎ᠡ ᠱᠠᠳᠣᠨ ᠤ ᠠᠷᠡᠳ ᠤᠨ ᠵᠠᠰᠠᠭ ᠤᠨ ᠣᠷᠳᠣᠨ ᠤ ᠬᠢᠨ ᠬᠤᠳᠡ ᠬᠦᠳᠡᠭᠡ ᠶᠢᠨ ᠰᠠᠭᠤᠭᠠᠯᠢ ᠠᠷᠡᠳ ᠤᠨ | ᠨᠠᠰᠣᠵᠢᠯ ᠤᠨ ᠳᠠᠭᠠᠳᠬᠠᠯ ᠤᠨ ᠳᠦᠷᠢᠮ ᠪᠠᠶᠢᠭᠤᠯᠬᠤ ᠴᠢᠬᠤᠯᠠ ᠴᠢᠨᠡᠷ ᠢ ᠬᠦᠢᠴᠡᠳ ᠳᠡᠨᠢᠵᠦ᠂ ᠳᠡᠬᠦᠨ ᠢ | ᠲᠣᠬᠠᠢ ᠶᠢᠨ ᠭᠠᠵᠡᠷ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠳᠦᠯᠦᠪᠵᠢᠬᠦᠯᠭᠡ ᠪᠠ ᠣᠨ ᠤ ᠬᠠᠷᠠᠯᠲᠠᠲᠤ | ᠬᠠᠮᠢᠶᠠᠷᠤᠯᠲᠠ ᠶᠢᠨ ᠰᠢᠯᠭᠠᠨ ᠬᠢᠨᠠᠬᠤ ᠰᠢᠰᠲ᠋ᠤᠮᠵᠢ ᠳᠤ ᠣᠷᠣᠭᠤᠯᠵᠦ᠂ ᠵᠣᠬᠢᠶᠡᠨ ᠪᠠᠶᠢᠭᠤᠯᠥᠯᠳᠡ ᠶᠢᠨ | ᠣᠳᠣᠷᠢᠳᠣᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠳᠡᠢ︔ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠠ ᠶᠢ | ᠰᠢᠯᠢᠳᠡᠭᠵᠢᠬᠦᠯᠦᠨ᠂ ᠡᠳ᠋ ᠤᠨ ᠵᠠᠰᠠᠭ ᠤᠨ ᠣᠷᠣᠭᠤᠯᠥᠯᠳᠡ ᠶᠢ ᠴᠢᠩᠭᠠᠷᠡᠭᠤᠯᠵᠦ᠂ ᠬᠤᠳᠡ ᠬᠦᠳᠡᠭᠡ ᠶᠢᠨ | ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠳᠦᠷᠢᠮ ᠤᠨ ᠪᠠᠶᠢᠭᠤᠯᠤᠯᠲᠠ ᠳᠤ ᠴᠢᠬᠤᠯᠠ ᠪᠦᠬᠦᠢ | ᠡᠳ᠋ ᠤᠨ ᠬᠦᠴᠣᠨ ᠤ ᠪᠠᠳᠣᠯᠠᠭ᠎ᠠ ᠬᠠᠩᠭᠠᠬᠤ ᠭᠡᠷᠡᠭᠳᠡᠢ᠃ ᠡᠯ᠎ᠡ ᠱᠠᠳᠣᠨ ᠤ ᠬᠦᠮᠦᠨ ᠤ ᠬᠦᠴᠥᠨ ᠤ ᠡᠬᠢ ᠪᠠᠶᠠᠯᠢᠭ | ᠨᠡᠶᠢᠭᠡᠮ ᠤᠨ ᠪᠠᠳᠣᠯᠠᠭ᠎ᠠ ᠶᠢᠨ ᠰᠠᠯᠠᠭ᠎ᠠ ᠮᠦᠴᠢᠷ ᠤᠳ ᠭᠤᠤᠯᠴᠢᠯᠠᠨ ᠬᠠᠮᠢᠶᠡᠷᠴᠥ ᠪᠦᠬᠦᠢ ᠰᠠᠯᠠᠭ᠎ᠠ ᠮᠦᠴᠢᠷ ᠤᠨ | ᠡᠬᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ | ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠠᠵᠢᠯ ᠤᠨ ᠨᠢᠭᠡᠳᠦᠯᠳᠡᠢ ᠳᠦᠯᠦᠪᠯᠡᠨ | ᠳᠦᠯᠦᠪᠵᠢᠬᠦᠯᠬᠦ ᠪᠠ ᠳᠦᠷᠦ ᠶᠢᠨ ᠪᠤᠳᠣᠯᠭ᠎ᠠ ᠲᠣᠠᠠᠳᠠᠭᠠᠬᠤ᠂ ᠨᠢᠭᠡᠳᠦᠯᠳᠡᠢ ᠬᠠᠮᠢᠶᠡᠷᠬᠤ᠂ ᠶᠡᠷᠦᠩᠭᠡᠶᠢᠯᠡᠨ | ᠵᠣᠬᠢᠴᠠᠭᠤᠯᠬᠤ᠂ ᠬᠢᠨᠡᠯᠳᠡ ᠳᠡᠯᠪᠢᠨ ᠪᠠᠶᠢᠴᠠᠭᠠᠬᠤ ᠵᠡᠷᠭᠡ ᠠᠵᠢᠯ ᠢ ᠰᠠᠶᠢᠳᠦᠷ ᠬᠢᠬᠦ ᠬᠡᠷᠡᠭᠲᠡᠢ᠃ ᠡᠯ᠎ᠡ ᠭᠠᠵᠡᠷ | ᠣᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠤᠳᠡ ᠬᠦᠳᠡᠭᠡ ᠶᠢᠨ ᠰᠠᠭᠤᠭᠠᠯᠢ ᠠᠷᠡᠳ ᠤᠨ | ᠨᠠᠰᠣᠵᠢᠯ ᠤᠨ ᠳᠠᠭᠠᠳᠬᠠᠯ ᠤᠨ ᠳᠦᠷᠦ ᠶᠢᠨ ᠪᠤᠳᠣᠯᠭ᠎ᠠ ᠶᠢᠨ ᠤᠬᠠᠭᠤᠯᠬᠤ ᠠᠵᠢᠯ ᠢ ᠬᠢᠨᠠᠮᠠᠭᠠᠢ ᠰᠠᠶᠢᠳᠣᠷ ᠬᠢᠵᠦ᠂ | ᠳᠦᠷᠦ ᠶᠢᠨ ᠪᠤᠳᠣᠯᠭ᠎ᠠ ᠶᠢ ᠪᠦᠬᠦ ᠳᠡᠯ᠎ᠠ ᠪᠠᠷ ᠣᠨᠣᠪᠴᠢᠳᠡᠢ ᠣᠬᠠᠭᠤᠯᠥᠨ ᠳᠡᠶᠢᠯᠪᠦᠷᠢᠯᠡᠵᠦ᠂ ᠶᠠᠷᠢᠶ᠎ᠠ ᠭᠡᠯᠡᠯᠴᠡᠭᠡᠨ ᠤ | ᠣᠳᠣᠷᠢᠳᠣᠮᠵᠢ ᠶᠢ ᠵᠥᠪ ᠡᠵᠡᠮᠳᠡᠨ᠂ ᠳᠦᠬᠦᠮ ᠣᠶᠢᠯᠠᠭᠠᠮᠵᠢᠳᠡᠢ ᠦᠭᠡ ᠬᠡᠯᠡ ᠪᠠ ᠣᠯᠡᠨ ᠳᠦᠮᠡᠨ ᠬᠦᠯᠢᠶᠡᠨ | ᠠᠪᠬᠤ ᠳᠤ ᠬᠢᠯᠪᠡᠷ ᠠᠷᠭ᠎ᠠ ᠮᠠᠶ᠋ᠢᠭ ᠢ ᠴᠢᠬᠤᠯᠠᠴᠢᠯᠡᠨ ᠬᠡᠷᠡᠭᠯᠡᠵᠦ᠂ ᠦᠨᠳᠣᠰᠣᠨ ᠱᠠᠳᠤᠠ ᠳᠤ ᠬᠦᠨᠵᠡᠭᠡᠶᠢᠷᠡᠨ | ᠤᠬᠠᠭᠤᠯᠬᠤ ᠠᠵᠢᠯᠯᠠᠭ᠎ᠠ ᠦᠷᠨᠢᠬᠦᠯᠵᠦ᠂ ᠬᠤᠳᠡ ᠬᠦᠳᠡᠭᠡ ᠶᠢᠨ ᠰᠠᠭᠤᠭᠠᠯᠢ ᠠᠷᠡᠳ ᠢ ᠬᠦᠳᠦᠯᠦᠨ ᠵᠢᠯᠥᠭᠤᠳᠴᠥ | ᠪᠠᠶᠢᠭᠠᠳ ᠳᠠᠭᠠᠳᠬᠠᠯ ᠳᠤ ᠢᠳᠡᠪᠬᠢᠳᠡᠢ ᠣᠷᠤᠯᠴᠠᠭᠤᠯᠥᠨ᠂ ᠦᠷᠬᠦᠯᠵᠢᠯᠡᠨ ᠰᠦᠢᠳᠭᠡᠯ ᠲᠣᠰᠢᠶᠡᠯᠭᠠᠵᠦ᠂ | ᠬᠤᠷᠡᠮᠳᠣᠭᠤᠯᠥᠯ ᠢ ᠨᠢ ᠨᠡᠮᠡᠭᠳᠡᠬᠦᠯᠦᠨ᠂ ᠳᠠᠭᠠᠳᠬᠠᠯ ᠳᠤ ᠣᠷᠤᠯᠴᠬᠠᠰᠠᠳ ᠤᠨ ᠬᠠᠥᠯᠢ ᠶᠣᠰᠣᠨ ᠤ ᠡᠷᠭᠡ | ᠠᠰᠢᠭ ᠢ ᠨᠢ ᠪᠠᠳᠣᠯᠬᠠᠥ ᠭᠡᠷᠡᠭᠳᠡᠢ᠃ | ᠲᠣᠰ ᠰᠠᠨᠠᠯ ᠢ ᠲᠣᠷᠣᠠᠠᠰᠢ ᠶᠠᠪᠤᠭᠤᠯᠥᠠᠠᠰᠠᠨ ᠤ ᠳᠡᠷᠠᠭ᠎ᠠ᠂ ᠨᠢᠭᠡᠨᠳᠡ ᠪᠠᠶᠢᠭ᠎ᠠ ᠲᠣᠠᠠᠳᠠᠭᠠᠯ ᠨᠢ ᠲᠣᠰ | ᠰᠠᠨᠠᠯ ᠯᠤᠭ᠎ᠠ ᠨᠢᠭᠡᠳᠦᠯ ᠦᠭᠡᠢ ᠪᠠᠶᠢᠪᠠᠯ᠂ ᠲᠣᠰ ᠰᠠᠨᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ |