ᠲᠦᠷ ᠴᠠᠭ ᠤᠨ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ
ᠨᠡᠶᠢᠲᠡᠯᠡᠭᠰᠡᠨ ᠴᠠᠭ᠄
2016/7/18
    ︽ᠬᠢᠯᠢ ᠪᠠᠷ ᠲᠦᠷ ᠣᠷᠣᠬᠤ ᠮᠠᠰᠢᠨᠲᠦ ᠲᠡᠷᠭᠡ ᠪᠠ ᠵᠢᠯᠣᠭᠤᠴᠢ ᠶᠢᠨ ᠬᠠᠮᠢᠶᠠᠷᠤᠯᠲᠠ ᠶᠢᠨ ᠲᠣᠭᠲᠠᠭᠠᠯ  ︾  ︵ᠲᠣᠳᠤᠭᠠᠳᠤ ᠶᠢ ᠬᠠᠮᠠᠭᠠᠯᠠᠬᠤ ᠶᠠᠮᠤᠨ ᠤ 90 ᠳ᠋ᠤᠭᠡᠷ ᠲᠣᠭᠠᠲᠤ ᠵᠠᠷᠯᠢᠭ︶ ᠤᠨ ᠬᠤᠶᠠᠳᠤᠭᠠᠷ ᠵᠦᠢᠯ ᠢ  ᠦᠨᠳᠦᠰᠦᠯᠡᠪᠡᠯ ᠲᠤᠰ ᠲᠣᠭᠲᠠᠭᠠᠯ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠤ ᠲᠦᠷ  ᠴᠠᠭ ᠣᠷᠣᠵᠤ ᠭᠤᠷᠪᠠᠨ ᠰᠠᠷ᠎ᠠ ᠶᠢ ᠳᠠᠪᠠᠭ᠋ᠤ ᠦᠭᠡᠢ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ ᠳᠤ  ᠲᠣᠬᠢᠷᠠᠨ᠎ᠠ᠄          ︵ᠨᠢᠭᠡ︶ ᠤᠯᠤᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ  ᠪᠦᠭᠡᠳ ᠬᠢᠯᠢ ᠪᠠᠷ ᠲᠦᠷ ᠣᠷᠣᠵᠤ ᠵᠣᠬᠢᠶᠠᠨ ᠪᠠᠶᠢᠭᠤᠯᠤᠯᠲᠠ ᠲᠠᠢ ᠵᠢᠭᠤᠯᠴᠢᠯᠠᠯ᠂ ᠤᠷᠤᠯᠳᠤᠭᠠᠨ ᠵᠢᠴᠢ ᠪᠤᠰᠤᠳ  ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠬᠤ ᠭᠠᠳᠠᠭᠠᠳᠤ ᠶᠢᠨ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ  ᠵᠢᠯᠣᠭᠤᠴᠢ︔          ︵ᠬᠤᠶᠠᠷ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠵᠥᠪᠬᠡᠨ ᠬᠢᠯᠢ ᠶᠢᠨ ᠣᠷᠣᠨ ᠤ ᠵᠣᠬᠢᠬᠤ  ᠬᠡᠪᠴᠢᠶᠡᠨ ᠳᠤᠲᠤᠷ᠎ᠠ ᠶᠠᠪᠤᠭᠤᠯᠬᠤ ᠭᠠᠳᠠᠭᠠᠳᠤ ᠶᠢᠨ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ︔          ︵ᠭᠤᠷᠪᠠ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠳᠤᠮᠳᠠᠳᠤ ᠤᠯᠤᠰ ᠤᠨ ᠮᠠᠰᠢᠨᠲᠦ ᠲᠡᠷᠭᠡ ᠶᠢ  ᠲᠦᠷᠢᠶᠡᠰᠦᠯᠡᠨ ᠵᠢᠯᠣᠭᠤᠳᠬᠤ ᠴᠢᠬᠤᠯᠠᠲᠠᠢ ᠭᠠᠳᠠᠭᠠᠳᠤ ᠶᠢᠨ ᠮᠠᠰᠢᠨᠲᠦ ᠲᠡᠷᠭᠡᠨ ᠤ ᠵᠢᠯᠣᠭᠤᠴᠢ︔ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠪᠠᠷ ᠢᠶᠠᠨ ᠪᠤᠶᠤ ᠣᠯᠠᠨ ᠲᠠᠯ᠎ᠠ ᠶᠢᠨ ᠬᠢᠯᠢ ᠦᠩᠭᠡᠷᠡᠨ ᠲᠡᠭᠡᠭᠡᠪᠥᠷᠢ ᠬᠢᠬᠦ   ᠵᠦᠪᠳᠡᠯᠴᠡᠭᠡᠷ ᠲᠣᠭᠲᠠᠭᠰᠠᠨ ᠪᠠᠶᠢᠪᠠᠯ᠂ ᠵᠦᠪᠳᠡᠯᠴᠡᠭᠡᠷ ᠤᠨ ᠶᠤᠰᠤᠭᠠᠷ ᠭᠦᠢᠴᠡᠳᠬᠡᠨ᠎ᠡ᠃ ᠤᠯᠤᠰ ᠪᠤᠶᠤ  ᠵᠠᠰᠠᠭ ᠤᠨ ᠣᠷᠳᠣᠨ ᠤ ᠬᠤᠭᠤᠷᠤᠨᠳᠤ ᠮᠠᠰᠢᠨᠲᠦ ᠲᠡᠷᠭᠡᠨ ᠤ ᠫᠠᠶᠢᠰᠠ ᠪᠠ ᠵᠢᠯᠣᠭᠤᠴᠢ ᠶᠢᠨ ᠦᠨᠡᠮᠯᠡᠯ ᠢ ᠬᠠᠷᠢᠯᠴᠠᠨ  ᠵᠥᠪᠰᠢᠶᠡᠷᠡᠬᠦ ᠵᠦᠪᠯᠡᠯᠴᠡᠭᠡᠷ ᠲᠠᠢ ᠪᠣᠯ ᠵᠦᠪᠯᠡᠯᠴᠡᠭᠡᠷ ᠤᠨ ᠶᠣᠰᠤᠭᠠᠷ ᠭᠦᠢᠴᠡᠳᠬᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号