︽  ᠰᠢᠯᠢ  ᠶᠢᠨ  ᠭᠤᠤᠯ  ᠠᠶᠢᠮᠠᠭ  ᠤᠨ  ᠤᠳᠤᠷᠢᠳᠬᠤ  ᠺᠠᠳ᠋ᠷ  ᠤᠨ  ᠠᠮᠢ  ᠠᠬᠤᠢ  ᠶᠢᠨ ᠤᠷᠴᠢᠨ  ᠲᠤᠭᠤᠷᠢᠨ  ᠢ  ᠡᠪᠳᠡᠭᠰᠡᠨ ᠬᠠᠷᠢᠭᠤᠴᠠᠯᠭ᠎ᠠ ᠨᠡᠭᠡᠮᠵᠢᠯᠡᠬᠦ  ᠠᠷᠭ᠎ᠠ  ︵ᠲᠤᠷᠰᠢᠨ ᠬᠡᠷᠡᠭᠯᠡᠬᠦ︶︾  ᠪᠠ  ︽ᠰᠢᠯᠢ  ᠶᠢᠨ ᠭᠤᠤᠯ ᠠᠶᠢᠮᠠᠭ  ᠤᠨ ᠠᠮᠢ ᠠᠬᠤᠢ ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠠᠵᠢᠯ ᠤᠨ ᠬᠢᠨᠠᠨ  ᠰᠢᠯᠭᠠᠬᠤ  ᠠᠷᠭ᠎ᠠ ︵ᠲᠤᠷᠰᠢᠨ ᠬᠡᠷᠡᠭᠯᠡᠬᠦ︶︾  ᠶᠢ  ᠲᠠᠷᠤᠮᠠᠯᠯᠠᠨ  ᠲᠠᠷᠬᠠᠭᠠᠬᠤ  ᠲᠤᠬᠠᠢ  ᠲᠤᠮᠳᠠᠳᠤ  ᠤᠯᠤᠰ  ᠤᠨ  ᠡᠪ  ᠬᠠᠮᠳᠤ  ᠨᠠᠮ  ᠤᠨ  ᠰᠢᠯᠢ  ᠶᠢᠨ  ᠭᠤᠤᠯ ᠠᠶᠢᠮᠠᠭ  ᠤᠨ ᠬᠤᠷᠢᠶᠠᠨ  ᠤ ᠠᠯᠪᠠᠨ ᠲᠢᠩᠬᠢᠮ  ᠰᠢᠯᠢ  ᠶᠢᠨ  ᠭᠤᠤᠯ  ᠠᠶᠢᠮᠠᠭ  ᠤᠨ  ᠵᠠᠬᠢᠷᠭ᠎ᠠ  ᠶᠢᠨ ᠠᠯᠪᠠᠨ  ᠲᠢᠩᠬᠢᠮ  ᠤᠨ ᠮᠡᠳᠡᠭᠳᠡᠯ
ᠨᠡᠶᠢᠲᠡᠯᠡᠭᠰᠡᠨ ᠴᠠᠭ᠄
2016/7/19
      ᠰᠢᠯᠢ ᠨᠠᠮ ᠠᠯᠪᠠᠨ ᠲᠠᠷᠬᠠᠭᠠᠭᠰᠠᠨ〔2016〕2 ᠳ᠋ᠤᠭᠠᠷ ᠲᠤᠭᠠᠳᠦ      ︽ ᠰᠢᠯᠢ  ᠶᠢᠨ  ᠭᠤᠤᠯ  ᠠᠶᠢᠮᠠᠭ  ᠤᠨ  ᠤᠳᠤᠷᠢᠳᠬᠤ  ᠺᠠᠳ᠋ᠷ  ᠤᠨ  ᠠᠮᠢ  ᠠᠬᠤᠢ  ᠶᠢᠨ       ᠤᠷᠴᠢᠨ  ᠲᠤᠭᠤᠷᠢᠨ   ᠢ  ᠡᠪᠳᠡᠭᠰᠡᠨ‌ᠬᠠᠷᠢᠭᠤᠴᠠᠯᠭ᠎ᠠ  ᠨᠡᠭᠡᠮᠵᠢᠯᠡᠬᠦ  ᠠᠷᠭ᠎ᠠ         ︵ᠲᠤᠷᠰᠢᠨ ᠬᠡᠷᠡᠭᠯᠡᠬᠦ︶︾  ᠪᠠ  ︽ᠰᠢᠯᠢ  ᠶᠢᠨ ᠭᠤᠤᠯ ᠠᠶᠢᠮᠠᠭ  ᠤᠨ ᠠᠮᠢ ᠠᠬᠤᠢ ᠶᠢᠨ       ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠠᠵᠢᠯ ᠤᠨ ᠬᠢᠨᠠᠨ         ᠰᠢᠯᠭᠠᠬᠤ  ᠠᠷᠭ᠎ᠠ ︵ᠲᠤᠷᠰᠢᠨ ᠬᠡᠷᠡᠭᠯᠡᠬᠦ︶︾  ᠶᠢ ᠲᠠᠷᠤᠮᠠᠯᠯᠠᠨ  ᠲᠠᠷᠬᠠᠭᠠᠬᠤ  ᠲᠤᠬᠠᠢ       ᠲᠤᠮᠳᠠᠳᠤ  ᠤᠯᠤᠰ  ᠤᠨ  ᠡᠪ   ᠬᠠᠮᠳᠤ  ᠨᠠᠮ  ᠤᠨ  ᠰᠢᠯᠢ  ᠶᠢᠨ  ᠭᠤᠤᠯ ᠠᠶᠢᠮᠠᠭ  ᠤᠨ       ᠬᠤᠷᠢᠶᠠᠨ  ᠤ ᠠᠯᠪᠠᠨ ᠲᠢᠩᠬᠢᠮ     ᠰᠢᠯᠢ  ᠶᠢᠨ  ᠭᠤᠤᠯ  ᠠᠶᠢᠮᠠᠭ  ᠤᠨ  ᠵᠠᠬᠢᠷᠭ᠎ᠠ         ᠶᠢᠨ ᠠᠯᠪᠠᠨ  ᠲᠢᠩᠬᠢᠮ  ᠤᠨ ᠮᠡᠳᠡᠭᠳᠡᠯ    ᠡᠯ᠎ᠡ ᠬᠤᠰᠢᠭᠤ ᠰᠢᠶᠠᠨ ᠬᠤᠳᠠ ︵ᠤᠷᠤᠨ︶  ᠶᠢᠨ ᠨᠠᠮ  ᠤᠨ ᠬᠤᠷᠢᠶ᠎ᠠ᠂ ᠵᠠᠰᠠᠭ  ᠤᠨ ᠤᠷᠳᠤᠨ ︵ᠬᠠᠮᠢᠶᠠᠷᠤᠯᠳᠠ  ᠶᠢᠨ ᠵᠦᠪᠯᠡᠯ︶᠂ ᠠᠶᠢᠮᠠᠭ  ᠤᠨ ᠡᠯ᠎ᠡ ᠬᠡᠯᠳᠡᠰ᠂  ᠵᠦᠪᠯᠡᠯ᠂ ᠠᠯᠪᠠᠨ ᠬᠡᠷ᠂ ᠲᠤᠪᠴᠢᠶ᠎ᠠ  ᠳᠤ᠄    ︽ᠰᠢᠯᠢ  ᠶᠢᠨ ᠭᠤᠤᠯ ᠠᠶᠢᠮᠠᠭ  ᠤᠨ ᠤᠳᠤᠷᠢᠳᠬᠤ ᠺᠠᠳ᠋ᠷ ᠤᠨ ᠠᠮᠢ ᠠᠬᠤᠢ  ᠶᠢᠨ ᠤᠷᠴᠢᠨ ᠲᠤᠭᠤᠷᠢᠨ ᠢ ᠡᠪᠳᠡᠭᠰᠡᠨ ᠬᠠᠷᠢᠭᠤᠴᠠᠯᠭ᠎ᠠ ᠨᠡᠭᠡᠮᠵᠢᠯᠡᠬᠦ ᠠᠷᠭ᠎ᠠ ︵ᠲᠤᠷᠰᠢᠨ ᠬᠡᠷᠡᠭᠯᠡᠬᠦ︶︾ ᠪᠠ ︽ᠰᠢᠯᠢ  ᠶᠢᠨ ᠭᠤᠤᠯ ᠠᠶᠢᠮᠠᠭ  ᠤᠨ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠠᠵᠢᠯ ᠤᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠯᠡᠬᠦ︶︾  ᠶᠢ ᠠᠶᠢᠮᠠᠭ  ᠤᠨ ᠨᠠᠮ  ᠤᠨ ᠬᠤᠷᠢᠶ᠎ᠠ᠂ ᠵᠠᠬᠢᠷᠭ᠎ᠠ ᠪᠠᠷ ᠵᠦᠪᠰᠢᠶᠡᠷᠡᠬᠦᠯᠵᠦ᠂ ᠤᠳᠤ ᠲᠠᠨᠠᠷ  ᠲᠤ ᠲᠠᠷᠤᠮᠠᠯᠯᠠᠨ ᠲᠠᠷᠬᠠᠭᠠᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠦ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠦᠭᠡᠷᠡᠢ᠃        ᠲᠤᠮᠳᠠᠳᠤ ᠤᠯᠤᠰ ᠤᠨ ᠡᠪ ᠬᠠᠮᠳᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ ᠠᠯᠪᠠᠨ ᠲᠢᠩᠬᠢᠮ       ᠰᠢᠯᠢ        ᠶᠢᠨ       ᠭᠤᠤᠯ      ᠠᠶᠢᠮᠠᠭ     ᠤᠨ     ᠵᠠᠬᠢᠷᠭ᠎ᠠ     ᠶᠢᠨ     ᠠᠯᠪᠠᠨ     ᠲᠢᠩᠬᠢᠮ                        2016 ᠤᠨ  ᠤ 1 ᠳ᠋ᠤᠭᠡᠷ ᠰᠠᠷ᠎ᠠ  ᠶᠢᠨ 19  ᠤ ᠡᠳᠦᠷ           ᠰᠢᠯᠢ ᠶᠢᠨ  ᠭᠤᠤᠯ ᠠᠶᠢᠮᠠᠭ ᠤᠨ ᠤᠳᠤᠷᠢᠳᠬᠤ  ᠺᠠᠳ᠋ᠷ ᠤᠨ ᠠᠮᠢ ᠠᠬᠤᠢ ᠶᠢᠨ ᠤᠷᠴᠢᠨ         ᠲᠤᠭᠤᠷᠢᠨ ᠢ ᠡᠪᠳᠡᠭᠰᠡᠨ ᠬᠠᠷᠢᠭᠤᠴᠠᠯᠭ᠎ᠠ ᠨᠡᠭᠡᠮᠵᠢᠯᠡᠬᠦ ᠠᠷᠭ᠎ᠠ ︵ᠲᠤᠷᠰᠢᠨ ᠬᠡᠷᠡᠭᠯᠡᠬᠦ︶   ᠨᠢᠭᠡᠳᠦᠭᠡᠷ ᠵᠤᠷᠪᠤᠰ    ᠠᠮᠢ ᠠᠬᠤᠢ  ᠶᠢᠨ ᠪᠤᠯᠪᠠᠰᠤᠨ  ᠤ ᠪᠠᠶᠢᠭᠤᠯᠤᠯᠳᠠ  ᠶᠢ  ᠲᠦᠷᠭᠡᠳᠭᠡᠨ ᠠᠬᠢᠭᠤᠯᠵᠦ᠂ ᠰᠢᠰᠲ᠋ᠧᠮ ᠲᠠᠢ ᠲᠡᠬᠦᠯᠳᠡᠷ ᠠᠮᠢ ᠠᠬᠤᠢ  ᠶᠢᠨ ᠪᠤᠯᠪᠠᠰᠤᠨ  ᠤ ᠲᠦᠷᠢᠮ ᠤᠨ ᠰᠢᠰᠲ᠋ᠧᠮᠵᠢ  ᠶᠢ ᠪᠦᠷᠢᠨᠰᠢᠬᠦᠯᠦᠨ ᠪᠠᠶᠢᠭᠤᠯᠵᠦ᠂ ᠬᠠᠮᠤᠭ  ᠤᠨ ᠴᠢᠩᠭ᠎ᠠ ᠤᠭ ᠡᠬᠢ  ᠠᠴᠠ ᠨᠢ ᠬᠠᠮᠠᠭᠠᠯᠠᠬᠤ ᠲᠦᠷᠢᠮ  ᠢ ᠬᠡᠷᠡᠭᠵᠢᠬᠦᠯᠵᠦ᠂ ᠲᠦᠷᠢᠮ  ᠢᠶᠠᠷ ᠠᠮᠢ ᠠᠬᠤᠢ ᠶᠢᠨ ᠤᠷᠴᠢᠨ ᠲᠤᠭᠤᠷᠢᠨ  ᠢ ᠬᠠᠮᠠᠭᠠᠯᠠᠵᠦ᠂ ᠤᠳᠤᠷᠢᠳᠬᠤ ᠺᠠᠳ᠋ᠷ ᠤᠨ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠡᠬᠦᠷᠭᠡ ᠬᠠᠷᠢᠭᠤᠴᠠᠯᠭ᠎ᠠ  ᠶᠢ ᠴᠢᠩᠭᠠᠷᠠᠭᠤᠯᠬᠤ  ᠶᠢᠨ ᠲᠤᠰᠠᠳᠠ᠂ ᠲᠦᠪ  ᠤᠨ ᠵᠤᠬᠢᠶᠠᠨ ᠪᠠᠶᠢᠭᠤᠯᠬᠤ ᠬᠡᠯᠳᠡᠰ  ᠠᠴᠠ ᠲᠠᠷᠤᠮᠠᠯᠯᠠᠨ ᠲᠠᠷᠬᠠᠭᠠᠭᠰᠠᠨ ︽ᠨᠠᠮ ᠵᠠᠰᠠᠭ  ᠤᠨ ᠤᠳᠤᠷᠢᠳᠬᠤ ᠺᠠᠳ᠋ᠷ  ᠤᠨ ᠠᠮᠢ ᠠᠬᠤᠢ  ᠶᠢᠨ ᠤᠷᠴᠢᠨ ᠲᠤᠭᠤᠷᠢᠨ  ᠢ ᠡᠪᠳᠡᠭᠰᠡᠨ ᠬᠠᠷᠢᠭᠤᠴᠠᠯᠭ᠎ᠠ ᠨᠡᠭᠡᠮᠵᠢᠯᠡᠬᠦ ᠠᠷᠭ᠎ᠠ ︵ᠲᠤᠷᠰᠢᠨ ᠬᠡᠷᠡᠭᠯᠡᠬᠦ︶︾ ᠪᠠ ᠤᠯᠤᠰ  ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠦᠷᠢᠮ ᠵᠢᠴᠢ ︽ᠰᠢᠯᠢ ᠶᠢᠨ ᠭᠤᠤᠯ ᠠᠶᠢᠮᠠᠭ ᠤᠨ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠠᠵᠢᠯ ᠤᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠯᠡᠬᠦ︶︾  ᠶᠢ ᠦᠨᠳᠦᠰᠦᠯᠡᠵᠦ᠂ ᠲᠤᠰ ᠠᠷᠭ᠎ᠠ  ᠶᠢ ᠲᠤᠭᠳᠠᠭᠠᠪᠠ᠃    ᠬᠤᠶᠠᠳᠤᠭᠠᠷ ᠵᠤᠷᠪᠤᠰ     ᠲᠤᠰ ᠠᠷᠭ᠎ᠠ  ᠶᠢ ᠬᠤᠰᠢᠭᠤ ᠰᠢᠶᠠᠨ ᠬᠤᠳᠠ ᠤᠷᠤᠨ  ᠤ ᠨᠠᠮ ᠵᠠᠰᠠᠭ  ᠤᠨ ᠤᠳᠤᠷᠢᠳᠬᠤ ᠪᠠᠭ  ᠤᠨ ᠪᠦᠷᠢᠯᠳᠦᠬᠦᠨ ᠵᠢᠴᠢ ᠬᠠᠮᠢᠶ᠎ᠠ ᠪᠦᠬᠦᠢ ᠠᠵᠢᠯ ᠤᠨ ᠰᠠᠯᠠᠭ᠎ᠠ ᠮᠦᠴᠢᠷ  ᠤᠨ ᠤᠳᠤᠷᠢᠳᠬᠤ ᠪᠦᠷᠢᠯᠳᠦᠬᠦᠨ  ᠳᠤ ᠬᠡᠷᠡᠭᠯᠡᠨ᠎ᠡ᠃   ᠭᠤᠷᠪᠠᠳᠤᠭᠠᠷ ᠵᠤᠷᠪᠤᠰ    ᠬᠤᠰᠢᠭᠤ ᠰᠢᠶᠠᠨ ᠬᠤᠳᠠ ᠤᠷᠤᠨ  ᠤ ᠨᠠᠮ  ᠤᠨ ᠬᠤᠷᠢᠶ᠎ᠠ ᠪᠠ ᠵᠠᠰᠠᠭ  ᠤᠨ ᠤᠷᠳᠤᠨ ︵ᠬᠠᠮᠢᠶᠠᠷᠤᠯᠳᠠ  ᠶᠢᠨ ᠵᠦᠪᠯᠡᠯ︶ ᠨᠢ ᠲᠤᠰ ᠭᠠᠵᠠᠷ ᠤᠷᠤᠨ  ᠤ ᠪᠠᠨ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠳᠠ ᠶᠢ ᠶᠡᠷᠦᠩᠭᠡᠶᠢᠯᠡᠨ ᠬᠠᠷᠢᠭᠤᠴᠠᠵᠦ᠂ ᠨᠠᠮ  ᠤᠨ ᠬᠤᠷᠢᠶ᠎ᠠ ᠪᠠ ᠵᠠᠰᠠᠭ  ᠤᠨ ᠤᠷᠳᠤᠨ︵ᠬᠠᠮᠢᠶᠠᠷᠤᠯᠳᠠ  ᠶᠢᠨ ᠵᠦᠪᠯᠡᠯ︶  ᠤ ᠭᠤᠤᠯ  ᠤᠳᠤᠷᠢᠳᠬᠤ ᠪᠦᠷᠢᠯᠳᠦᠬᠦᠨ ᠨᠢ ᠭᠤᠤᠯ ᠬᠠᠷᠢᠭᠤᠴᠠᠯᠭ᠎ᠠ ᠡᠬᠦᠷᠭᠡᠯᠡᠵᠦ᠂ ᠪᠤᠰᠤᠳ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠢᠯᠳᠠᠨ ᠨᠢ ᠬᠠᠷᠢᠭᠤᠴᠠᠯᠭ᠎ᠠ  ᠶᠢᠨ ᠬᠦᠷᠢᠶ᠎ᠡ ᠬᠡᠪᠴᠢᠶᠡᠨ ᠳᠡᠭᠡᠨ ᠵᠤᠬᠢᠬᠤ ᠬᠠᠷᠢᠭᠤᠴᠠᠯᠭ᠎ᠠ ᠡᠬᠦᠷᠭᠡᠯᠡᠨ᠎ᠡ᠃    ᠲᠦᠷᠪᠡᠳᠦᠭᠡᠷ ᠵᠤᠷᠪᠤᠰ    ᠤᠳᠤᠷᠢᠳᠬᠤ ᠺᠠᠳ᠋ᠷ  ᠤᠨ ᠠᠮᠢ ᠠᠬᠤᠢ  ᠶᠢᠨ ᠤᠷᠴᠢᠨ ᠲᠤᠭᠤᠷᠢᠨ  ᠢ ᠡᠪᠳᠡᠭᠰᠡᠨ ᠬᠠᠷᠢᠭᠤᠴᠠᠯᠭ᠎ᠠ ᠨᠡᠭᠡᠮᠵᠢᠯᠡᠬᠦ ᠳᠤ᠂ ᠬᠠᠤᠯᠢ ᠲᠦᠷᠢᠮ  ᠢ ᠵᠢᠷᠤᠮᠯᠠᠬᠤ᠂ ᠪᠤᠰᠤᠳᠴᠢ ᠲᠦᠪ ᠭᠤᠤᠯᠴᠢ᠂ ᠰᠢᠨᠵᠢᠯᠡᠬᠦ ᠤᠬᠠᠭᠠᠨᠴᠢ ᠪᠠᠷ ᠲᠤᠭᠳᠠᠭᠠᠭᠰᠠᠨ᠂ ᠡᠷᠭᠡ ᠬᠠᠷᠢᠭᠤᠴᠠᠯᠭ᠎ᠠ ᠨᠢᠭᠡᠳᠦᠯᠳᠡᠢ᠂ ᠨᠠᠰᠤᠨ ᠲᠤᠷᠰᠢᠳᠠ ᠨᠡᠭᠡᠮᠵᠢᠯᠡᠬᠦ ᠵᠠᠷᠴᠢᠮ  ᠢ ᠪᠠᠷᠢᠮᠳᠠᠯᠠᠨ᠎ᠠ᠃    ᠲᠠᠪᠤᠳᠤᠭᠠᠷ ᠵᠤᠷᠪᠤᠰ     ᠲᠤᠤᠷᠠᠬᠢ  ᠵᠦᠢᠯᠡᠰ ᠤᠨ ᠨᠢᠭᠡ ᠨᠢ ᠪᠠᠶᠢᠪᠠᠯ ᠬᠤᠰᠢᠭᠤ ᠰᠢᠶᠠᠨ ᠬᠤᠳᠠ ᠤᠷᠤᠨ  ᠤ ᠨᠠᠮ  ᠤᠨ ᠬᠤᠷᠢᠶ᠎ᠠ ᠪᠠ ᠵᠠᠰᠠᠭ  ᠤᠨ ᠤᠷᠳᠤᠨ ︵ᠬᠠᠮᠢᠶᠠᠷᠤᠯᠳᠠ ᠶᠢᠨ ᠵᠦᠪᠯᠡᠯ︶ ᠤ ᠭᠤᠤᠯ ᠤᠳᠤᠷᠢᠳᠤᠯᠭ᠎ᠠ  ᠠᠴᠠ ᠬᠠᠷᠢᠭᠤᠴᠠᠯᠭ᠎ᠠ ᠨᠡᠭᠡᠮᠵᠢᠯᠡᠨ᠎ᠡ᠃    ︵ᠨᠢᠭᠡ︶ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠠᠶᠢᠮᠠᠭ  ᠤᠨ ᠨᠠᠮ  ᠤᠨ ᠬᠤᠷᠢᠶᠠᠨ  ᠤ ᠠᠮᠢ ᠠᠬᠤᠢ  ᠶᠢᠨ ᠪᠤᠯᠪᠠᠰᠤᠨ  ᠤ ᠪᠠᠶᠢᠭᠤᠯᠤᠯᠳᠠ  ᠶᠢᠨ ᠰᠢᠢᠳᠪᠤᠷᠢᠳᠦ ᠪᠤᠳᠤᠯᠭ᠎ᠠ  ᠶᠢᠨ ᠪᠠᠶᠢᠷᠢᠯᠠᠭᠤᠯᠤᠯᠳᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ  ᠠᠴᠠ ᠪᠤᠯᠵᠦ᠂ ᠲᠤᠰ ᠭᠠᠵᠠᠷ ᠤᠷᠤᠨ  ᠤ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠠᠰᠠᠭᠤᠳᠠᠯ ᠲᠤᠪᠤᠶᠢᠮ᠎ᠠ ᠪᠤᠶᠤ ᠲᠤᠰᠢᠶᠠᠯ  ᠤᠨ ᠬᠤᠭᠤᠴᠠᠭᠠᠨ ᠳᠤᠨᠢ ᠠᠮᠢ ᠠᠬᠤᠢ  ᠶᠢᠨ ᠤᠷᠴᠢᠨ ᠲᠤᠭᠤᠷᠢᠨ  ᠤ ᠪᠠᠶᠢᠳᠠᠯ ᠢᠯᠡᠳᠳᠡ ᠮᠠᠭᠤᠳᠠᠭᠰᠠᠨ︔     ︵ᠬᠤᠶᠠᠷ︶ ᠭᠠᠷᠭᠠᠭᠰᠠᠨ ᠰᠢᠢᠳᠪᠤᠷᠢᠳᠦ ᠪᠤᠳᠤᠯᠭ᠎ᠠ ᠨᠢ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠦᠷᠢᠮ ᠵᠢᠴᠢ ᠲᠦᠷᠦ  ᠶᠢᠨ ᠪᠤᠳᠤᠯᠭ᠎ᠠ ᠲᠠᠢ ᠬᠠᠷᠢᠯᠴᠠᠨ ᠵᠦᠷᠢᠴᠡᠯᠳᠦᠭᠰᠡᠨ︔     ︵ᠭᠤᠷᠪᠠ︶ ᠭᠤᠤᠯ ᠴᠤᠭᠴᠠᠳᠦ ᠴᠢᠳᠠᠪᠬᠢ  ᠶᠢᠨ ᠤᠷᠤᠨ  ᠤ ᠪᠠᠶᠢᠷᠢ ᠲᠤᠭᠳᠠᠭᠠᠯᠳᠠ  ᠶᠢ ᠵᠦᠷᠢᠴᠡᠭᠰᠡᠨ ᠪᠤᠶᠤ ᠡᠬᠢ ᠪᠠᠶᠠᠯᠢᠭ  ᠤᠨ ᠤᠷᠴᠢᠨ ᠲᠤᠭᠤᠷᠢᠨ  ᠤ ᠠᠮᠢ ᠠᠬᠤᠢ  ᠶᠢᠨ ᠰᠡᠷᠡᠮᠵᠢ  ᠶᠢᠨ ᠱᠤᠭᠤᠮ ᠠᠴᠠ ᠲᠠᠪᠠᠨ᠂ ᠡᠬᠢ ᠪᠠᠶᠠᠯᠢᠭ  ᠤᠨ ᠤᠷᠴᠢᠨ ᠲᠤᠭᠤᠷᠢᠨ  ᠤ ᠲᠠᠭᠠᠭᠠᠴᠠ ᠴᠢᠳᠠᠪᠤᠷᠢ  ᠶᠢ ᠬᠠᠶᠢᠬᠤᠷᠤᠯ ᠦᠭᠡᠢ ᠰᠤᠬᠤᠷ ᠪᠠᠯᠠᠢ ᠪᠠᠷ ᠰᠢᠢᠳᠪᠤᠷᠢᠳᠦ ᠪᠤᠳᠤᠯᠭ᠎ᠠ ᠲᠤᠭᠳᠠᠭᠠᠵᠦ ᠬᠦᠨᠳᠦ ᠨᠤᠴᠢᠳᠠᠢ ᠦᠷ᠎ᠡ ᠳ᠋ᠦᠩ ᠤᠴᠠᠷᠠᠭᠤᠯᠤᠭᠰᠠᠨ︔     ︵ᠲᠦᠷᠪᠡ︶ ᠭᠠᠷᠭᠠᠭᠰᠠᠨ ᠰᠢᠢᠳᠪᠤᠷᠢᠳᠦ ᠪᠤᠳᠤᠯᠭ᠎ᠠ ᠨᠢ ᠬᠤᠳᠠ ᠬᠦᠳᠡᠭᠡ  ᠶᠢᠨ ᠲᠦᠯᠦᠪᠵᠢᠬᠦᠯᠭᠡ᠂ ᠭᠠᠵᠠᠷ ᠰᠢᠷᠤᠢ ᠶᠢᠨ ᠠᠰᠢᠭᠯᠠᠯᠳᠠ ᠶᠢᠨ ᠶᠡᠷᠦᠩᠭᠡᠢ ᠲᠦᠯᠦᠪᠵᠢᠬᠦᠯᠭᠡ᠂ ᠠᠮᠢ ᠠᠬᠤᠢ  ᠶᠢᠨ ᠤᠷᠴᠢᠨ ᠲᠤᠭᠤᠷᠢᠨ  ᠤ ᠬᠠᠮᠠᠭᠠᠯᠠᠯᠳᠠ  ᠶᠢᠨ ᠲᠦᠯᠦᠪᠵᠢᠬᠦᠯᠭᠡ   ᠶᠢ ᠬᠦᠨᠳᠦ ᠨᠤᠴᠢᠳᠠᠢ ᠵᠦᠷᠢᠴᠡᠭᠰᠡᠨ︔     ︵ᠲᠠᠪᠤ︶ ᠭᠠᠵᠠᠷ ᠤᠷᠤᠨ ᠪᠠ ᠰᠠᠯᠠᠭ᠎ᠠ ᠮᠦᠴᠢᠷ ᠨᠢ ᠬᠤᠭᠤᠷᠤᠨᠳᠦ ᠪᠠᠨ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ ᠢ ᠬᠠᠮᠠᠭᠠᠯᠠᠬᠤ ᠲᠠᠯ᠎ᠠ ᠪᠠᠷ  ᠬᠠᠷᠢᠯᠴᠠᠨ ᠲᠦᠯᠬᠢᠯᠴᠡᠵᠦ᠂ ᠭᠤᠤᠯ ᠤᠳᠤᠷᠢᠳᠤᠯᠭ᠎ᠠ  ᠨᠢ ᠡᠬᠦᠷᠭᠡ ᠪᠠᠨ ᠬᠦᠢᠴᠡᠳᠭᠡᠵᠦ ᠠᠵᠢᠯᠯᠠᠭᠰᠠᠨ ᠦᠭᠡᠢ ᠠᠴᠠ ᠬᠦᠨᠳᠦ ᠨᠤᠴᠢᠳᠠᠢ ᠦᠷ᠎ᠡ ᠳ᠋ᠦᠩ ᠤᠴᠠᠷᠠᠭᠤᠯᠤᠭᠰᠠᠨ     ︵ᠵᠢᠷᠭᠤᠭ᠎ᠠ︶ ᠲᠤᠰ ᠭᠠᠵᠠᠷ ᠤᠷᠤᠨ  ᠳᠤ ᠭᠤᠤᠯ ᠤᠳᠤᠷᠢᠳᠤᠯᠭ᠎ᠠ  ᠶᠢᠨ ᠬᠠᠷᠢᠭᠤᠴᠠᠯᠭ᠎ᠠ  ᠶᠢᠨ ᠬᠦᠷᠢᠶ᠎ᠡ ᠬᠡᠪᠴᠢᠶᠡᠨ  ᠤ ᠲᠤᠳᠤᠷ᠎ᠠ ᠬᠦᠨᠳᠦ ᠨᠤᠴᠢᠳᠠᠢ ᠠᠮᠢ ᠠᠬᠤᠢ  ᠶᠢᠨ ᠤᠷᠴᠢᠨ ᠲᠤᠭᠤᠷᠢᠨ  ᠤ ᠪᠤᠬᠢᠷᠳᠤᠯ ᠪᠠ ᠠᠮᠢ ᠠᠬᠤᠢ  ᠶᠢ ᠡᠪᠳᠡᠭᠰᠡᠨ ᠬᠡᠷᠡᠭ ᠤᠴᠢᠷ ᠭᠠᠷᠬᠤ ᠪᠤᠶᠤ ᠤᠷᠴᠢᠨ ᠲᠤᠭᠤᠷᠢᠨ  ᠢ ᠬᠦᠨᠳᠦ ᠨᠤᠴᠢᠳᠠᠢ ᠪᠤᠬᠢᠷᠳᠠᠭᠤᠯᠤᠭᠰᠠᠨ ᠪᠠ ᠠᠮᠢ ᠠᠬᠤᠢ  ᠶᠢ  ᠡᠪᠳᠡᠭᠰᠡᠨ ︵ᠭᠠᠮᠰᠢᠭ︶ ᠬᠡᠷᠡᠭ  ᠢ ᠰᠢᠢᠳᠪᠤᠷᠢᠯᠡᠭᠰᠡᠨ ᠨᠢ ᠬᠦᠴᠦᠨ ᠦᠭᠡᠢ︔     ︵ᠲᠤᠯᠤᠭ᠎ᠠ︶ ᠲᠤᠰ ᠭᠠᠵᠠᠷ ᠤᠷᠤᠨ  ᠤ ᠨᠤᠳᠤᠭ ᠪᠡᠯᠴᠢᠭᠡᠷ ︵ᠤᠢ ᠰᠢᠭᠤᠢ︶   ᠤᠨ ᠠᠮᠢ ᠠᠬᠤᠢ  ᠶᠢ ᠬᠠᠮᠠᠭᠠᠯᠠᠨ ᠪᠦᠳᠦᠭᠡᠨ ᠪᠠᠶᠢᠭᠤᠯᠵᠦ ᠠᠰᠢᠭᠯᠠᠬᠤ ᠲᠦᠯᠦᠪᠵᠢᠬᠦᠯᠭᠡ  ᠶᠢ ᠲᠤᠷ᠎ᠠ ᠪᠠᠷ ᠢᠶᠠᠨ ᠦᠭᠡᠷᠡᠴᠢᠯᠡᠵᠦ᠂ ᠲᠠᠯ᠎ᠠ ᠨᠤᠳᠤᠭ ᠪᠠ ᠤᠢ ᠰᠢᠭᠤᠢ ᠶᠢᠨ ᠠᠮᠢ ᠠᠬᠤᠢ ᠶᠢᠨ ᠡᠬᠢ ᠪᠠᠶᠠᠯᠢᠭ ᠢ ᠶᠡᠭᠡᠪᠡᠷ ᠡᠪᠳᠡᠨ᠂ ᠬᠦᠨᠳᠦ ᠨᠤᠴᠢᠳᠠᠢ ᠦᠷ᠎ᠡ ᠳ᠋ᠦᠩ ᠤᠴᠠᠷᠠᠭᠤᠯᠤᠭᠰᠠᠨ︔     ︵ᠨᠠᠢᠮᠠ︶ ᠲᠤᠰ ᠭᠠᠵᠠᠷ ᠤᠷᠤᠨ  ᠳᠤ  ᠨᠤᠳᠤᠭ  ᠪᠡᠯᠴᠢᠭᠡᠷ ︵ᠤᠢ ᠰᠢᠭᠤᠢ︶  ᠢ ᠲᠠᠳᠠᠪᠤᠷᠢᠯᠠᠨ ᠬᠡᠷᠡᠭᠯᠡᠬᠦ ᠬᠢᠨᠠᠨ ᠵᠦᠪᠰᠢᠶᠡᠷᠡᠯ  ᠤᠨ ᠲᠡᠰ ᠲᠠᠷᠠᠭ᠎ᠠ  ᠶᠢ ᠬᠦᠢᠴᠡᠳᠭᠡᠭᠰᠡᠨ ᠦᠭᠡᠢ᠂ ᠨᠤᠳᠤᠭ ᠪᠡᠯᠴᠢᠭᠡᠷ ︵ᠤᠢ ᠰᠢᠭᠤᠢ︶  ᠢ ᠬᠠᠤᠯᠢ ᠪᠤᠰᠤ ᠪᠠᠷ ᠲᠠᠳᠠᠪᠤᠷᠢᠯᠠᠨ ᠡᠵᠡᠯᠡᠨ ᠬᠡᠷᠡᠭᠯᠡᠭᠰᠡᠨ ᠪᠤᠶᠤ ᠲᠤᠭᠳᠠᠭᠠᠯ  ᠢ ᠵᠦᠷᠢᠴᠡᠨ ᠨᠤᠳᠤᠭ ᠪᠡᠯᠴᠢᠭᠡᠷ ︵ᠤᠢ ᠰᠢᠭᠤᠢ︶  ᠢ ᠲᠠᠳᠠᠪᠤᠷᠢᠯᠠᠨ ᠬᠡᠷᠡᠭᠯᠡᠭᠰᠡᠨ ᠬᠡᠷᠡᠭ ᠡᠬᠦᠰᠴᠦ ᠬᠦᠨᠳᠦ ᠨᠤᠴᠢᠳᠠᠢ ᠦᠷ᠎ᠡ ᠳ᠋ᠦᠩ ᠤᠴᠠᠷᠠᠭᠤᠯᠤᠭᠰᠠᠨ︔     ︵ᠶᠢᠰᠦ︶ ᠲᠤᠰ ᠭᠠᠵᠠᠷ ᠤᠷᠤᠨ ᠨᠢ ᠮᠠᠯ ᠪᠡᠯᠴᠢᠭᠡᠷ  ᠤᠨ ᠲᠡᠩᠴᠡᠬᠦᠷᠢᠰᠢᠯ  ᠤᠨ ᠲᠦᠷᠢᠮ ᠢ ᠵᠦᠷᠢᠴᠡᠨ ᠪᠡᠯᠴᠢᠭᠡᠷ  ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ᠂ ᠦᠨᠳᠦᠷ ᠤᠨᠠᠯᠳᠠ ᠲᠠᠢ ᠲᠡᠵᠢᠭᠡᠯ ᠪᠤᠷᠳᠤᠭᠠᠨ  ᠤ ᠰᠠᠭᠤᠷᠢᠨ ᠭᠠᠵᠠᠷ  ᠢ ᠬᠤᠪᠢᠷᠠᠭᠤᠯᠤᠨ ᠬᠡᠷᠡᠭᠯᠡᠬᠦ︔ ᠬᠠᠳᠤᠯᠠᠩ  ᠤᠨ ᠲᠠᠯᠠᠪᠠᠢ  ᠶᠢᠨ ᠬᠠᠮᠢᠶᠠᠷᠤᠯᠳᠠ ᠰᠤᠯᠠ ᠵᠡᠷᠭᠡ ᠦᠵᠡᠭᠳᠡᠯ ᠳᠤ᠂ ᠪᠦᠳᠦᠮᠵᠢᠳᠡᠢ ᠠᠷᠭ᠎ᠠ ᠬᠡᠮᠵᠢᠶ᠎ᠡ ᠠᠪᠤᠭᠰᠠᠨ ᠦᠭᠡᠢ  ᠠᠴᠠ ᠪᠤᠯᠵᠦ ᠨᠤᠳᠤᠭ ᠪᠡᠯᠴᠢᠭᠡᠷ ᠲᠠᠴᠢᠷᠰᠢᠬᠤ ᠂  ᠡᠯᠡᠰᠦᠷᠭᠡᠭᠵᠢᠬᠦ ᠬᠦᠨᠳᠦ ᠨᠤᠴᠢᠳᠠᠢ ᠦᠷ᠎ᠡ ᠳ᠋ᠦᠩ ᠤᠴᠠᠷᠠᠭᠤᠯᠤᠭᠰᠠᠨ︔     ︵ᠠᠷᠪᠠ︶ ᠲᠤᠰ ᠭᠠᠵᠠᠷ ᠤᠷᠤᠨ ᠤ ᠪᠠᠨ ᠨᠤᠳᠤᠭ ᠪᠡᠯᠴᠢᠭᠡᠷ ᠤᠢ ᠰᠢᠭᠤᠢ  ᠶᠢᠨ ᠲᠦᠢᠮᠡᠷ  ᠠᠴᠠ ᠰᠡᠷᠬᠡᠶᠢᠯᠡᠬᠦ ᠬᠠᠷᠢᠭᠤᠴᠠᠯᠭ᠎ᠠ  ᠶᠢᠨ ᠲᠦᠷᠢᠮ  ᠢ ᠨᠠᠶᠢᠳᠠᠪᠤᠷᠢᠵᠢᠭᠤᠯᠤᠭᠰᠠᠨ ᠦᠭᠡᠢ᠂ ᠠᠷᠭ᠎ᠠ ᠬᠡᠮᠵᠢᠶ᠎ᠡ ᠨᠢ ᠬᠦᠴᠦᠨ ᠦᠭᠡᠢ᠂ ᠬᠢᠨᠠᠨ ᠪᠠᠶᠢᠴᠠᠭᠠᠬᠤ ᠠᠵᠢᠯ ᠨᠢ ᠤᠷᠤᠨ ᠪᠠᠶᠢᠷᠢᠨ ᠳᠠᠭᠠᠨ ᠬᠦᠷᠦᠭᠰᠡᠨ ᠦᠭᠡᠢ᠂ ᠨᠡᠯᠢᠶᠡᠳ ᠶᠡᠭᠡ ᠨᠤᠳᠤᠭ ᠪᠡᠯᠴᠢᠭᠡᠷ ᠤᠢ ᠰᠢᠭᠤᠢ  ᠶᠢᠨ ᠲᠦᠢᠮᠡᠷ ᠭᠠᠷᠤᠭᠰᠠᠨ︔ ᠨᠤᠳᠤᠭ ᠪᠡᠯᠴᠢᠭᠡᠷ ᠤᠢ ᠰᠢᠭᠤᠢ  ᠶᠢᠨ ᠲᠦᠢᠮᠡᠷ ᠭᠠᠷᠤᠭᠰᠠᠨ  ᠤ ᠲᠠᠷᠠᠭ᠎ᠠ᠂ ᠴᠠᠭ ᠲᠤᠬᠠᠢ ᠳᠤᠨᠢ ᠠᠪᠤᠷᠠᠬᠤ ᠠᠷᠭ᠎ᠠ ᠬᠡᠮᠵᠢᠶ᠎ᠡ ᠠᠪᠤᠭᠰᠠᠨ ᠦᠭᠡᠢ᠂ ᠲᠠᠯᠳᠠᠯᠠᠨ᠂ ᠬᠤᠳᠠᠯ  ᠢᠶᠠᠷ ᠮᠡᠳᠡᠬᠦᠯᠦᠭᠰᠡᠨ ᠪᠤᠶᠤ ᠵᠤᠷᠢᠭᠤᠳᠠ ᠤᠳᠠᠭᠠᠰᠢᠷᠠᠭᠤᠯᠤᠨ ᠮᠡᠳᠡᠬᠦᠯᠦᠭᠰᠡᠨ︔ ᠭᠠᠯ ᠤᠨᠳᠠᠷᠠᠭᠠᠬᠤ ᠵᠢᠯᠤᠭᠤᠳᠤᠯᠭ᠎ᠠ ᠨᠢ ᠬᠦᠴᠦᠨ ᠦᠭᠡᠢ᠂ ᠬᠦᠮᠦᠨ ᠰᠢᠷᠬᠠᠳᠤᠵᠦ ᠠᠳᠡᠭᠰᠡᠨ ᠪᠠ ᠬᠦᠨᠳᠦ ᠨᠤᠴᠢᠳᠠᠢ ᠡᠳ᠋ ᠬᠦᠷᠦᠩᠭᠡ  ᠶᠢᠨ ᠬᠤᠬᠢᠷᠠᠯ  ᠳᠤ ᠤᠴᠠᠷᠠᠭᠤᠯᠤᠭᠰᠠᠨ︔     ︵ᠠᠷᠪᠠᠨ ᠨᠢᠭᠡ︶ ᠲᠤᠰ ᠭᠠᠵᠠᠷ ᠤᠷᠤᠨ  ᠤ ᠬᠠᠮᠤᠭ  ᠤᠨ ᠴᠢᠩᠭ᠎ᠠ ᠤᠰᠤᠨ ᠰᠤᠷᠪᠤᠯᠵᠢ ᠶᠢᠨ ᠬᠠᠮᠢᠶᠠᠷᠤᠯᠳᠠ  ᠶᠢᠨ ᠲᠦᠷᠢᠮ  ᠤᠨ ᠨᠠᠶᠢᠳᠠᠪᠤᠷᠢᠵᠢᠭᠤᠯᠤᠯᠳᠠ  ᠶᠢᠨ ᠵᠢᠯ  ᠤᠨ ᠡᠴᠦᠰ  ᠤᠨ ᠬᠢᠨᠠᠨ ᠰᠢᠯᠭᠠᠯᠳᠠ  ᠶᠢᠨ ᠦᠷ᠎ᠡ ᠳ᠋ᠦᠩ ᠨᠢ ᠬᠢᠷᠢ ᠲᠡᠩᠴᠡᠭᠰᠡᠨ ᠦᠭᠡᠢ︔     ︵ᠠᠷᠪᠠᠨ ᠬᠤᠶᠠᠷ︶ ᠤᠰᠤ᠂ ᠠᠭᠠᠷ ᠮᠠᠨᠳᠠᠯ  ᠤᠨ ᠪᠤᠬᠢᠷᠳᠤᠯ ᠢ ᠪᠠᠷᠢᠮᠵᠢᠶᠠᠨ  ᠠᠴᠠ ᠬᠡᠳᠦᠷᠡᠳᠡᠯ᠎ᠡ ᠭᠠᠳᠠᠭᠰᠢᠯᠠᠭᠤᠯᠵᠦ ᠴᠡᠭᠴᠡᠯᠡᠨ ᠵᠠᠰᠠᠭᠰᠠᠨ ᠨᠢ ᠤᠷᠤᠨ ᠪᠠᠶᠢᠷᠢᠨ ᠳᠠᠭᠠᠨ ᠬᠦᠷᠦᠭᠰᠡᠨ ᠦᠭᠡᠢ  ᠠᠴᠠ ᠪᠤᠬᠢᠷᠳᠤᠯ ᠤᠴᠠᠷᠠᠭᠤᠯᠤᠭᠰᠠᠨ︔     ︵ᠠᠷᠪᠠᠨ ᠭᠤᠷᠪᠠ︶ ᠨᠡᠶᠢᠳᠡ  ᠶᠢᠨ ᠠᠰᠠᠷᠠᠮᠵᠢ  ᠶᠢᠨ ᠵᠠᠷᠭᠤ ᠲᠠᠰᠤᠯᠤᠯᠳᠠ ᠪᠠ ᠡᠬᠢ ᠪᠠᠶᠠᠯᠢᠭ  ᠤᠨ ᠤᠷᠴᠢᠨ ᠲᠤᠭᠤᠷᠢᠨ  ᠤ ᠬᠠᠮᠠᠭᠠᠯᠠᠯᠳᠠ ᠬᠢᠨᠠᠨ ᠪᠠᠶᠢᠴᠠᠭᠠᠯᠳᠠ ᠴᠡᠭᠴᠡᠯᠡᠯᠳᠡ ᠰᠠᠶᠢᠵᠢᠷᠠᠭᠤᠯᠤᠯᠳᠠ  ᠶᠢᠨ ᠱᠠᠭᠠᠷᠳᠠᠯᠭ᠎ᠠ  ᠶᠢ ᠬᠡᠷᠡᠭᠵᠢᠬᠦᠯᠦᠭᠰᠡᠨ ᠨᠢ ᠬᠦᠴᠦᠨ ᠦᠭᠡᠢ︔     ︵ᠠᠷᠪᠠᠨ ᠲᠦᠷᠪᠡ︶ ᠪᠤᠰᠤᠳ ᠨᠡᠭᠡᠮᠵᠢᠯᠡᠪᠡᠰᠦ ᠵᠤᠬᠢᠬᠤ ᠬᠠᠷᠢᠭᠤᠴᠠᠯᠭ᠎ᠠ  ᠶᠢᠨ ᠪᠠᠶᠢᠳᠠᠯ︔ ᠲᠡᠭᠡᠷᠡᠬᠢ ᠪᠠᠶᠢᠳᠠᠯ ᠤᠷᠤᠰᠢᠵᠦ ᠪᠠᠶᠢᠪᠠᠯ᠂ ᠬᠤᠰᠢᠭᠤ ᠰᠢᠶᠠᠨ ᠬᠤᠳᠠ ᠤᠷᠤᠨ  ᠤ ᠨᠠᠮ  ᠤᠨ ᠬᠤᠷᠢᠶ᠎ᠠ ᠪᠠ ᠵᠠᠰᠠᠭ  ᠤᠨ ᠤᠷᠳᠤᠨ ︵ᠬᠠᠮᠢᠶᠠᠷᠤᠯᠳᠠ  ᠶᠢᠨ ᠵᠦᠪᠯᠡᠯ︶ ᠤ ᠭᠤᠤᠯ  ᠤᠳᠤᠷᠢᠳᠤᠯᠭ᠎ᠠ  ᠶᠢᠨ ᠬᠠᠷᠢᠭᠤᠴᠠᠯᠭ᠎ᠠ  ᠶᠢ ᠨᠡᠭᠡᠮᠵᠢᠯᠡᠬᠦ  ᠶᠢᠨ ᠬᠠᠮᠳᠤ᠂ ᠪᠤᠰᠤᠳ ᠬᠠᠮᠢᠶ᠎ᠠ ᠪᠦᠬᠦᠢ ᠤᠳᠤᠷᠢᠳᠬᠤ ᠪᠦᠷᠢᠯᠳᠦᠬᠦᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ  ᠤᠨ ᠤᠳᠤᠷᠢᠳᠤᠯᠭ᠎ᠠ  ᠶᠢᠨ ᠠᠵᠢᠯ  ᠤᠨ ᠬᠤᠪᠢᠶᠠᠷᠢᠯᠠᠯ  ᠤᠨ ᠲᠤᠰᠢᠶᠠᠯ ᠬᠠᠷᠢᠭᠤᠴᠠᠯᠭ᠎ᠠ ᠪᠠ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ  ᠢ ᠦᠨᠳᠦᠰᠦᠯᠡᠵᠦ᠂ ᠵᠤᠬᠢᠴᠠᠩᠭᠤᠢ ᠬᠠᠷᠢᠭᠤᠴᠠᠯᠭ᠎ᠠ ᠨᠡᠭᠡᠮᠵᠢᠯᠡᠨ᠎ᠡ᠃     ᠵᠢᠷᠭᠤᠳᠤᠭᠠᠷ ᠵᠤᠷᠪᠤᠰ     ᠲᠤᠤᠷᠠᠬᠢ ᠪᠠᠶᠢᠳᠠᠯ  ᠤᠨ ᠨᠢᠭᠡ  ᠶᠢ ᠪᠦᠷᠢᠯᠳᠦᠬᠦᠯᠪᠡᠯ᠂ ᠬᠤᠰᠢᠭᠤ ᠰᠢᠶᠠᠨ ᠬᠤᠳᠠ ᠤᠷᠤᠨ  ᠤ ᠨᠠᠮ  ᠤᠨ ᠬᠤᠷᠢᠶ᠎ᠠ ᠪᠠ ᠵᠠᠰᠠᠭ  ᠤᠨ ᠤᠷᠳᠤᠨ ︵ ᠬᠠᠮᠢᠶᠠᠷᠤᠯᠳᠠ  ᠶᠢᠨ ᠵᠦᠪᠯᠡᠯ︶  ᠤ  ᠬᠠᠮᠢᠶ᠎ᠠ  ᠪᠦᠬᠦᠢ ᠤᠳᠤᠷᠢᠳᠤᠯᠭ᠎ᠠ  ᠶᠢᠨ ᠬᠠᠷᠢᠭᠤᠴᠠᠯᠭ᠎ᠠ  ᠶᠢ ᠨᠡᠭᠡᠮᠵᠢᠯᠡᠨ᠎ᠡ᠃     ︵ᠨᠢᠭᠡ︶ ᠬᠤᠪᠢᠳᠠᠨ ᠬᠠᠮᠢᠶᠠᠷᠴᠦ ᠪᠠᠶᠢᠭ᠎ᠠ ᠰᠠᠯᠠᠭ᠎ᠠ ᠮᠦᠴᠢᠷ  ᠢ ᠵᠢᠭᠠᠨ ᠲᠤᠬᠢᠬᠤ ᠪᠤᠶᠤ ᠲᠤᠷ᠎ᠠ ᠪᠠᠷ ᠨᠢ ᠲᠠᠯᠪᠢᠵᠦ ᠭᠤᠤᠯ ᠴᠤᠭᠴᠠᠳᠦ ᠴᠢᠳᠠᠪᠬᠢ ᠶᠢᠨ ᠤᠷᠤᠨ  ᠤ ᠲᠦᠯᠦᠪᠵᠢᠬᠦᠯᠭᠡ ᠪᠤᠶᠤ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠲᠠᠯ᠎ᠠ ᠪᠠᠷ ᠬᠢ ᠬᠠᠤᠯᠢ ᠲᠦᠷᠢᠮ ᠲᠦᠷᠦ  ᠶᠢᠨ ᠪᠤᠳᠤᠯᠭ᠎ᠠ  ᠳᠤ ᠦᠯᠦ ᠨᠡᠶᠢᠴᠡᠬᠦ ᠪᠦᠳᠦᠭᠡᠨ ᠪᠠᠶᠢᠭᠤᠯᠤᠯᠳᠠ  ᠶᠢᠨ ᠲᠦᠷᠦᠯ ᠵᠦᠢᠯ  ᠢ ᠬᠢᠨᠠᠨ ᠵᠦᠪᠰᠢᠶᠡᠷᠡᠬᠦ᠂ ᠪᠦᠳᠦᠭᠡᠨ ᠪᠠᠶᠢᠭᠤᠯᠬᠤ ᠪᠤᠶᠤ ᠠᠰᠢᠭᠯᠠᠯᠳᠠ  ᠳᠤ ᠤᠷᠤᠭᠤᠯᠬᠤ ︵ᠬᠡᠷᠡᠭᠯᠡᠬᠦ︶︔     ︵ᠬᠤᠶᠠᠷ︶ ᠬᠤᠪᠢᠳᠠᠨ ᠬᠠᠮᠢᠶᠠᠷᠴᠦ ᠪᠠᠶᠢᠭ᠎ᠠ ᠰᠠᠯᠠᠭ᠎ᠠ ᠮᠦᠴᠢᠷ ᠤᠨ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠦᠷᠢᠮ ᠵᠢᠴᠢ ᠲᠦᠷᠦ  ᠶᠢᠨ ᠪᠤᠳᠤᠯᠭ᠎ᠠ  ᠶᠢ ᠵᠦᠷᠢᠴᠡᠭᠰᠡᠨ ᠠᠵᠢᠯᠯᠠᠭ᠎ᠠ  ᠶᠢ ᠬᠢᠨᠠᠨ ᠬᠠᠮᠢᠶᠠᠷᠴᠦ ᠪᠠᠶᠢᠴᠠᠭᠠᠭᠰᠠᠨ ᠦᠭᠡᠢ᠂ ᠬᠤᠷᠢᠭᠯᠠᠭᠰᠠᠨ ᠨᠢ ᠬᠦᠴᠦᠨ ᠦᠭᠡᠢ ᠴᠢᠨᠠᠭᠰᠢᠯᠠᠪᠠᠯ ᠬᠠᠮᠠᠭᠠᠯᠠᠨ ᠲᠤᠷ᠎ᠠ ᠪᠠᠷ ᠨᠢ ᠲᠠᠯᠪᠢᠭᠰᠠᠨ︔     ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠤᠨᠤᠪᠴᠢᠳᠠᠢ ᠬᠦᠢᠴᠡᠳᠭᠡᠭᠰᠡᠨ ᠦᠭᠡᠢ  ᠠᠴᠠ ᠪᠤᠯᠵᠦ᠂ ᠵᠠᠰᠠᠭ  ᠤᠨ ᠤᠷᠳᠤᠨ  ᠠᠴᠠ ᠵᠠᠷᠯᠢᠭᠳᠠᠨ ᠵᠤᠭᠰᠤᠭᠠᠬᠤ ᠪᠠ ᠪᠢᠳᠡᠬᠦᠮᠵᠢᠯᠡᠬᠦ ᠵᠤᠬᠢᠰᠳᠠᠢ ᠠᠮᠢ ᠠᠬᠤᠢ  ᠶᠢᠨ ᠤᠷᠴᠢᠨ ᠲᠤᠭᠤᠷᠢᠨ  ᠢ ᠬᠦᠨᠳᠦ ᠨᠤᠴᠢᠳᠠᠢ ᠪᠤᠬᠢᠷᠳᠠᠭᠤᠯᠤᠭᠰᠠᠨ ᠠᠵᠦ ᠠᠬᠤᠶᠢᠯᠠᠯ ᠪᠤᠶᠤ ᠪᠤᠰᠤᠳ ᠦᠢᠯᠡᠳᠪᠤᠷᠢᠯᠡᠯ ᠡᠵᠡᠩᠨᠡᠯᠳᠡ  ᠶᠢᠨ ᠨᠢᠭᠡᠴᠡ  ᠶᠢᠨ ᠠᠵᠢᠯ  ᠢ ᠨᠢ ᠵᠤᠭᠰᠤᠭᠠᠵᠦ ᠪᠢᠳᠡᠬᠦᠮᠵᠢᠯᠡᠭᠰᠡᠨ ᠦᠭᠡᠢ︔     ︵ᠲᠦᠷᠪᠡ︶ ᠠᠮᠢ ᠠᠬᠤᠢ  ᠶᠢᠨ ᠤᠷᠴᠢᠨ ᠲᠤᠭᠤᠷᠢᠨ  ᠢ ᠬᠦᠨᠳᠦ ᠨᠤᠴᠢᠳᠠᠢ ᠪᠤᠬᠢᠷᠳᠠᠭᠤᠯᠤᠭᠰᠠᠨ ᠪᠠ ᠠᠮᠢ ᠠᠬᠤᠢ  ᠶᠢ ᠡᠪᠳᠡᠭᠰᠡᠨ ᠠᠵᠢᠯᠯᠠᠭ᠎ᠠ  ᠶᠢ ᠵᠤᠬᠢᠶᠠᠨ ᠪᠠᠶᠢᠭᠤᠯᠤᠨ ᠪᠠᠶᠢᠴᠠᠭᠠᠨ ᠰᠢᠢᠳᠪᠤᠷᠢᠯᠡᠭᠰᠡᠨ ᠨᠢ ᠬᠦᠴᠦᠨ ᠦᠭᠡᠢ     ︵ᠲᠠᠪᠤ︶ ᠲᠤᠰ ᠭᠠᠵᠠᠷ ᠤᠷᠤᠨ ᠳᠤ ᠡᠬᠦᠰᠦᠭᠰᠡᠨ ᠬᠠᠤᠯᠢ ᠪᠤᠰᠤ ᠪᠠᠷ ᠨᠤᠳᠤᠭ ᠪᠡᠯᠴᠢᠭᠡᠷ ︵ᠤᠢ ᠰᠢᠭᠤᠢ︶  ᠢ ᠬᠠᠭᠠᠯᠪᠤᠷᠢᠯᠠᠬᠤ᠂ ᠠᠷᠠᠯᠵᠢᠶᠠᠯᠠᠨ ᠬᠤᠳᠠᠯᠳᠤᠬᠤ ᠪᠤᠶᠤ ᠪᠤᠰᠤᠳ ᠬᠡᠯᠪᠡᠷᠢ  ᠶᠢᠨ ᠬᠠᠤᠯᠢ ᠪᠤᠰᠤ ᠪᠠᠷ ᠨᠤᠳᠤᠭ ᠪᠡᠯᠴᠢᠭᠡᠷ ︵ᠤᠢ ᠰᠢᠭᠤᠢ︶  ᠢ ᠲᠠᠮᠵᠢᠭᠤᠯᠤᠨ ᠰᠢᠯᠵᠢᠬᠦᠯᠬᠦ᠂ ᠡᠷᠭᠡ ᠬᠢᠵᠠᠭᠠᠷᠯᠠᠯ  ᠠᠴᠠ ᠲᠠᠪᠠᠵᠦ ᠬᠠᠤᠯᠢ ᠪᠤᠰᠤ  ᠪᠠᠷ ᠵᠦᠪᠰᠢᠶᠡᠷᠡᠨ ᠨᠤᠳᠤᠭ ᠪᠡᠯᠴᠢᠭᠡᠷ ︵ᠤᠢ ᠰᠢᠭᠤᠢ︶  ᠢ ᠲᠠᠳᠠᠪᠤᠷᠢᠯᠠᠨ ᠡᠵᠡᠯᠡᠵᠦ ᠬᠡᠷᠡᠭᠯᠡᠨ ᠬᠦᠨᠳᠦ ᠨᠤᠴᠢᠳᠠᠢ ᠦᠷ᠎ᠡ ᠳ᠋ᠦᠩ ᠤᠴᠠᠷᠠᠭᠤᠯᠤᠭᠰᠠᠨ︔     ︵ᠵᠢᠷᠭᠤᠭ᠎ᠠ︶ ᠪᠤᠰᠤᠳ ᠬᠠᠷᠢᠭᠤᠴᠠᠯᠭ᠎ᠠ ᠨᠡᠭᠡᠮᠵᠢᠯᠡᠪᠡᠰᠦ ᠵᠤᠬᠢᠬᠤ ᠪᠠᠶᠢᠳᠠᠯ︔     ᠲᠤᠯᠤᠳᠤᠭᠠᠷ ᠵᠤᠷᠪᠤᠰ     ᠲᠤᠤᠷᠠᠬᠢ ᠪᠠᠶᠢᠳᠠᠯ  ᠤᠨ ᠨᠢᠭᠡ  ᠶᠢ ᠪᠦᠷᠢᠯᠳᠦᠬᠦᠯᠪᠡᠯ᠂ ᠬᠤᠰᠢᠭᠤ ᠰᠢᠶᠠᠨ ᠬᠤᠳᠠ ᠤᠷᠤᠨ  ᠤ ᠵᠠᠰᠠᠭ  ᠤᠨ ᠤᠷᠳᠤᠨ ︵ᠬᠠᠮᠢᠶᠠᠷᠤᠯᠳᠠ  ᠶᠢᠨ ᠵᠦᠪᠯᠡᠯ︶  ᠤ ᠬᠠᠮᠢᠶ᠎ᠠ ᠪᠦᠬᠦᠢ ᠠᠵᠢᠯ  ᠤᠨ ᠰᠠᠯᠠᠭ᠎ᠠ ᠮᠦᠴᠢᠷ  ᠤᠨ ᠤᠳᠤᠷᠢᠳᠤᠯᠭ᠎ᠠ  ᠠᠴᠠ ᠬᠠᠷᠢᠭᠤᠴᠠᠯᠭ᠎ᠠ ᠨᠡᠭᠡᠮᠵᠢᠯᠡᠨ᠎ᠡ᠄     ︵ᠨᠢᠭᠡ︶ ᠲᠤᠭᠳᠠᠭᠠᠭᠰᠠᠨ ᠲᠤᠭᠳᠠᠭᠠᠯ ᠪᠤᠶᠤ ᠠᠪᠤᠭᠰᠠᠨ ᠠᠷᠭ᠎ᠠ ᠬᠡᠮᠵᠢᠶ᠎ᠡ ᠨᠢ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠦᠷᠢᠮ ᠵᠢᠴᠢ ᠲᠦᠷᠦ  ᠶᠢᠨ ᠪᠤᠳᠤᠯᠭ᠎ᠠ ᠲᠠᠢ ᠵᠦᠷᠢᠴᠡᠯᠳᠦᠭᠰᠡᠨ︔     ︵ᠬᠤᠶᠠᠷ︶  ᠵᠦᠪᠰᠢᠶᠡᠷᠡᠭᠰᠡᠨ ᠨᠡᠭᠡᠭᠡᠯᠳᠡ ᠬᠢᠵᠦ ᠠᠰᠢᠭᠯᠠᠬᠤ ᠲᠦᠯᠦᠪᠵᠢᠬᠦᠯᠭᠡ ᠪᠤᠶᠤ ᠬᠢᠵᠦ ᠪᠠᠶᠢᠭ᠎ᠠ ᠲᠦᠷᠦᠯ ᠵᠦᠢᠯ  ᠤᠨ ᠬᠢᠨᠠᠨ ᠵᠦᠪᠰᠢᠶᠡᠷᠡᠯ ᠨᠢ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠦᠷᠢᠮ ᠵᠢᠴᠢ ᠲᠦᠷᠦ  ᠶᠢᠨ ᠪᠤᠳᠤᠯᠭ᠎ᠠ  ᠶᠢ ᠵᠦᠷᠢᠴᠡᠭᠰᠡᠨ︔     ︵ᠭᠤᠷᠪᠠ︶ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠦᠷᠢᠮ ᠵᠢᠴᠢ ᠲᠦᠷᠦ  ᠶᠢᠨ ᠪᠤᠳᠤᠯᠭ᠎ᠠ  ᠶᠢ ᠬᠡᠷᠡᠭᠵᠢᠬᠦᠯᠦᠭᠰᠡᠨ ᠨᠢ ᠬᠦᠴᠦᠳᠡᠢ ᠪᠤᠰᠤ᠂ ᠲᠤᠭᠳᠠᠭᠠᠯ  ᠢᠶᠠᠷ ᠬᠡᠷᠡᠭᠵᠢᠬᠦᠯᠦᠭᠰᠡᠨ ᠪᠠᠶᠢᠳᠠᠯ  ᠢ ᠬᠢᠨᠠᠨ ᠪᠠᠶᠢᠴᠠᠭᠠᠭᠰᠠᠨ ᠦᠭᠡᠢ ᠪᠤᠶᠤ ᠬᠢᠨᠠᠨ ᠪᠠᠶᠢᠴᠠᠭᠠᠯᠳᠠ  ᠶᠢᠨ ᠲᠤᠮᠳᠠ  ᠠᠯᠪᠠ ᠬᠠᠰᠢᠵᠦ᠂ ᠬᠠᠰᠢ ᠶᠠᠰᠢ ᠦᠩᠭᠡᠷᠡᠬᠦᠯᠦᠭᠰᠡᠨ︔     ︵ᠲᠦᠷᠪᠡ︶ ᠢᠯᠡᠷᠡᠬᠦᠯᠦᠭᠰᠡᠨ ᠪᠤᠶᠤ ᠤᠯᠡᠨ ᠲᠦᠮᠡᠨ  ᠤ ᠢᠯᠡᠴᠢᠯᠡᠨ ᠮᠡᠳᠡᠬᠦᠯᠦᠭᠰᠡᠨ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠦᠨᠳᠦ ᠨᠤᠴᠢᠳᠠᠢ ᠡᠪᠳᠡᠭᠰᠡᠨ ᠠᠰᠠᠭᠤᠳᠠᠯ  ᠢ ᠴᠠᠭ ᠲᠤᠬᠠᠢ ᠳᠤᠨᠢ ᠪᠠᠶᠢᠴᠠᠭᠠᠨ ᠰᠢᠢᠳᠪᠤᠷᠢᠯᠡᠭᠰᠡᠨ ᠦᠭᠡᠢ︔     ︵ᠲᠠᠪᠤ︶ ᠠᠮᠢ ᠠᠬᠤᠢ  ᠶᠢᠨ ᠤᠷᠴᠢᠨ ᠲᠤᠭᠤᠷᠢᠨ  ᠤ ᠪᠤᠬᠢᠷᠳᠤᠯ ᠪᠠ ᠠᠮᠢ ᠠᠬᠤᠢ  ᠶᠢᠨ ᠡᠪᠳᠡᠭᠳᠡᠯ  ᠤᠨ ᠬᠡᠷᠡᠭ ᠤᠴᠢᠷ  ᠤᠨ ᠰᠤᠷᠠᠭ ᠴᠢᠮᠡᠭᠡ  ᠶᠢ  ᠲᠤᠭᠳᠠᠭᠠᠯ  ᠢᠶᠠᠷ  ᠮᠡᠳᠡᠬᠦᠯᠦᠭᠰᠡᠨ ᠦᠭᠡᠢ᠂ ᠮᠡᠳᠡᠭᠡᠯᠡᠭᠰᠡᠨ ᠦᠭᠡᠢ ᠪᠤᠶᠤ ᠢᠯᠡ ᠪᠤᠯᠭᠠᠭᠰᠠᠨ ᠦᠭᠡᠢ︔     ︵ᠵᠢᠷᠭᠤᠭ᠎ᠠ︶ ᠬᠠᠮᠢᠶ᠎ᠠ ᠪᠦᠬᠦᠢ ᠪᠠᠶᠢᠭᠤᠯᠭ᠎ᠠ  ᠳᠤ ᠰᠢᠯᠵᠢᠬᠦᠯᠦᠨ ᠰᠢᠢᠳᠪᠤᠷᠢᠯᠡᠬᠦ ᠵᠤᠬᠢᠰᠳᠠᠢ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠲᠠᠯ᠎ᠠ ᠪᠠᠷ ᠬᠢ ᠬᠠᠤᠯᠢ ᠰᠠᠬᠢᠯᠭ᠎ᠠ  ᠠᠴᠠ ᠵᠦᠷᠢᠴᠡᠭᠰᠡᠨ ᠬᠡᠷᠡᠭ  ᠤᠨ ᠰᠦᠪᠡᠭᠴᠢ  ᠶᠢ ᠲᠤᠭᠳᠠᠭᠠᠯ  ᠢᠶᠠᠷ ᠰᠢᠯᠵᠢᠬᠦᠯᠦᠭᠰᠡᠨ ᠦᠭᠡᠢ︔     ︵ᠲᠤᠯᠤᠭ᠎ᠠ︶ ᠪᠤᠰᠤᠳ ᠬᠠᠷᠢᠭᠤᠴᠠᠯᠭ᠎ᠠ ᠨᠡᠭᠡᠮᠵᠢᠯᠡᠪᠡᠰᠦ ᠵᠤᠬᠢᠬᠤ ᠪᠠᠶᠢᠳᠠᠯ︔ ᠲᠡᠭᠡᠷ᠎ᠡ ᠶᠠᠷᠢᠭᠰᠠᠨ ᠪᠠᠶᠢᠳᠠᠯ ᠤᠷᠤᠰᠢᠪᠠᠯ᠂ ᠵᠠᠰᠠᠭ  ᠤᠨ ᠤᠷᠳᠤᠨ ︵ᠬᠠᠮᠢᠶᠠᠷᠤᠯᠳᠠ  ᠶᠢᠨ ᠵᠦᠪᠯᠡᠯ︶  ᠤ ᠬᠤᠯᠪᠤᠭᠳᠠᠯ ᠪᠦᠬᠦᠢ ᠠᠵᠢᠯ  ᠤᠨ ᠰᠠᠯᠠᠭ᠎ᠠ ᠮᠦᠴᠢᠷ  ᠤᠨ ᠤᠳᠤᠷᠢᠳᠤᠯᠭ᠎ᠠ  ᠶᠢᠨ ᠬᠠᠷᠢᠭᠤᠴᠠᠯᠭ᠎ᠠ  ᠶᠢ ᠨᠡᠭᠡᠮᠵᠢᠯᠡᠬᠦ  ᠶᠢᠨ ᠬᠠᠮᠳᠤ᠂ ᠬᠠᠷᠢᠭᠤᠴᠠᠯᠭ᠎ᠠ ᠡᠬᠦᠷᠭᠡᠯᠡᠬᠦ ᠬᠠᠮᠢᠶ᠎ᠠ ᠪᠦᠬᠦᠢ ᠪᠠᠶᠢᠭᠤᠯᠤᠮᠵᠢ  ᠶᠢᠨ ᠬᠠᠷᠢᠭᠤᠴᠠᠯᠭᠠᠳᠠᠨ ᠵᠢᠴᠢ ᠪᠤᠳᠠᠳᠠᠢ ᠠᠵᠢᠯ  ᠬᠢᠭᠰᠡᠨ ᠠᠵᠢᠯᠳᠠᠨ  ᠠᠴᠠ ᠵᠤᠬᠢᠴᠠᠩᠭᠤᠢ ᠬᠠᠷᠢᠭᠤᠴᠠᠯᠭ᠎ᠠ ᠨᠡᠭᠡᠮᠵᠢᠯᠡᠨ᠎ᠡ᠃     ᠨᠠᠢᠮᠠᠳᠤᠭᠠᠷ ᠵᠤᠷᠪᠤᠰ    ᠤᠳᠤᠷᠢᠳᠬᠤ ᠺᠠᠳ᠋ᠷ ᠲᠤᠰᠢᠶᠠᠯ  ᠤᠨ ᠨᠦᠬᠦᠴᠡᠯ ᠢᠶᠠᠨ ᠠᠰᠢᠭᠯᠠᠵᠦ᠂ ᠲᠤᠤᠷᠠᠬᠢ ᠪᠠᠶᠢᠳᠠᠯ ᠤᠨ ᠨᠢᠭᠡ ᠶᠢ ᠪᠦᠷᠢᠯᠳᠦᠬᠦᠯᠪᠡᠯ ᠲᠡᠬᠦᠨ ᠠᠴᠠ ᠬᠠᠷᠢᠭᠤᠴᠠᠯᠭ᠎ᠠ ᠨᠡᠭᠡᠮᠵᠢᠯᠡᠨ᠎ᠡ᠃     ︵ᠨᠢᠭᠡ︶ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠬᠠᠤᠯᠢ ᠬᠡᠷᠡᠭᠵᠢᠬᠦᠯᠬᠦ ᠬᠢᠨᠠᠯᠳᠠ ᠲᠠᠯᠪᠢᠨ ᠬᠠᠮᠢᠶᠠᠷᠬᠤ ᠠᠵᠢᠯ  ᠢ ᠬᠢᠵᠠᠭᠠᠷᠯᠠᠨ ᠬᠠᠷᠰᠢᠯᠠᠭᠰᠠᠨ︔     ︵ᠬᠤᠶᠠᠷ︶ ᠬᠠᠤᠯᠢ ᠴᠠᠭᠠᠵᠠ  ᠶᠢᠨ ᠠᠵᠢᠯᠯᠠᠭ᠎ᠠ  ᠶᠢ ᠬᠠᠷᠰᠢᠯᠠᠨ᠂ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠲᠠᠯ᠎ᠠ ᠪᠠᠷ ᠬᠢ ᠪᠤᠳᠠᠳᠠᠢ ᠬᠠᠤᠯᠢ ᠴᠠᠭᠠᠵᠠ ᠶᠢᠨ ᠬᠡᠷᠡᠭ  ᠢ ᠰᠢᠢᠳᠪᠤᠷᠢᠯᠡᠬᠦ  ᠳᠤ ᠭᠠᠷ ᠲᠦᠷᠢᠬᠦ︔     ︵ᠭᠤᠷᠪᠠ︶ ᠪᠦᠳᠦᠭᠡᠨ ᠪᠠᠶᠢᠭᠤᠯᠤᠯᠳᠠ  ᠶᠢᠨ ᠲᠦᠷᠦᠯ ᠵᠦᠢᠯ  ᠢ ᠬᠠᠷᠰᠢᠯᠠᠨ ᠭᠠᠷ ᠲᠦᠷᠢᠵᠦ᠂ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠦᠷᠢᠮ ᠵᠢᠴᠢ ᠲᠦᠷᠦ  ᠶᠢᠨ ᠪᠤᠳᠤᠯᠭ᠎ᠠ  ᠳᠤ ᠨᠡᠶᠢᠴᠡᠬᠦ ᠦᠭᠡᠢ ᠲᠦᠷᠦᠯ ᠵᠦᠢᠯ  ᠢ ᠬᠢᠨᠠᠨ ᠵᠦᠪᠰᠢᠶᠡᠷᠡᠵᠦ᠂ ᠪᠦᠳᠦᠭᠡᠨ ᠪᠠᠶᠢᠭᠤᠯᠬᠤ ᠪᠤᠶᠤ ᠠᠰᠢᠭᠯᠠᠯᠳᠠ ᠳᠤ ᠤᠷᠤᠭᠤᠯᠬᠤ︔     ︵ᠲᠦᠷᠪᠡ︶ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠲᠠᠯ᠎ᠠ ᠪᠠᠷ ᠬᠢ ᠪᠠᠶᠢᠴᠠᠭᠠᠯᠳᠠ ᠪᠠ ᠬᠢᠨᠠᠨ ᠬᠡᠮᠵᠢᠯᠳᠡ  ᠶᠢᠨ ᠲᠤᠭ᠎ᠠ ᠪᠠᠷᠢᠮᠳᠠ  ᠶᠢ ᠦᠭᠡᠷᠡᠴᠢᠯᠡᠬᠦ᠂ ᠬᠠᠭᠤᠷᠮᠠᠭ ᠵᠤᠬᠢᠶᠠᠬᠤ︔     ︵ᠲᠠᠪᠤ︶ ᠪᠤᠰᠤᠳ ᠬᠠᠷᠢᠭᠤᠴᠠᠯᠭ᠎ᠠ ᠨᠡᠭᠡᠮᠵᠢᠯᠡᠪᠡᠰᠦ ᠵᠤᠬᠢᠬᠤ ᠪᠠᠶᠢᠳᠠᠯ᠃     ᠶᠢᠰᠦᠳᠦᠭᠡᠷ ᠵᠤᠷᠪᠤᠰ     ᠠᠶᠢᠮᠠᠭ᠂ ᠬᠤᠰᠢᠭᠤ ᠰᠢᠶᠠᠨ ᠬᠤᠳᠠ ᠤᠷᠤᠨ ᠬᠤᠶᠠᠷ ᠱᠠᠳᠤᠨ  ᠤ ᠨᠠᠮ  ᠤᠨ ᠬᠤᠷᠢᠶ᠎ᠠ ᠵᠢᠴᠢ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠨᠢ ᠨᠠᠮ ᠵᠠᠰᠠᠭ  ᠤᠨ ᠤᠳᠤᠷᠢᠳᠬᠤ ᠪᠠᠭ  ᠤᠨ ᠪᠦᠷᠢᠯᠳᠦᠬᠦᠨ  ᠢ ᠰᠤᠩᠭᠤᠨ ᠲᠡᠪᠰᠢᠬᠦᠯᠦᠨ ᠬᠡᠷᠡᠭᠯᠡᠬᠦ ᠠᠵᠢᠯ  ᠤᠨ ᠲᠤᠮᠳᠠ᠂ ᠲᠤᠭᠳᠠᠭᠠᠯ ᠶᠤᠰᠤᠭᠠᠷ ᠡᠬᠢ ᠪᠠᠶᠠᠯᠢᠭ  ᠢ ᠬᠤᠷᠤᠭᠳᠠᠭᠤᠯᠬᠤ᠂ ᠤᠷᠴᠢᠨ ᠲᠤᠭᠤᠷᠢᠨ  ᠢ ᠬᠠᠮᠠᠭᠠᠯᠠᠬᠤ᠂ ᠠᠮᠢ ᠠᠬᠤᠢ  ᠶᠢᠨ ᠦᠷ᠎ᠡ ᠠᠰᠢᠭ ᠵᠡᠷᠭᠡ ᠪᠠᠶᠢᠳᠠᠯ  ᠢ ᠬᠢᠨᠠᠨ ᠰᠢᠯᠭᠠᠨ ᠦᠨᠡᠯᠡᠬᠦ ᠴᠢᠬᠤᠯᠠ ᠠᠭᠤᠯᠭ᠎ᠠ ᠪᠤᠯᠭᠠᠵᠦ᠂ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠤᠨ ᠲᠠᠯ᠎ᠠ ᠪᠠᠷ ᠬᠦᠨᠳᠦ ᠨᠤᠴᠢᠳᠠᠢ ᠬᠤᠬᠢᠷᠠᠯ ᠤᠴᠠᠷᠠᠭᠤᠯᠤᠭᠰᠠᠨ ᠬᠠᠷᠢᠭᠤᠴᠠᠯᠭ᠎ᠠ ᠡᠬᠦᠷᠭᠡᠯᠡᠬᠦ ᠺᠠᠳ᠋ᠷ  ᠢ ᠰᠢᠯᠢᠨ ᠲᠡᠪᠰᠢᠬᠦᠯᠵᠦ ᠬᠡᠷᠡᠭᠯᠡᠵᠦ ᠪᠤᠯᠬᠤ ᠦᠭᠡᠢ ᠪᠤᠶᠤ ᠴᠢᠬᠤᠯᠠ ᠲᠤᠰᠢᠶᠠᠯ  ᠳᠤ ᠰᠢᠯᠵᠢᠬᠦᠯᠦᠨ ᠲᠤᠮᠢᠯᠠᠵᠦ ᠪᠤᠯᠬᠤ ᠦᠭᠡᠢ᠃     ᠠᠷᠪᠠᠳᠤᠭᠠᠷ ᠵᠤᠷᠪᠤᠰ     ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠢ  ᠶᠢᠨ ᠤᠷᠴᠢᠨ ᠲᠤᠭᠤᠷᠢᠨ  ᠢ ᠡᠪᠳᠡᠨ ᠬᠦᠨᠦᠭᠡᠬᠦ ᠬᠠᠷᠢᠭᠤᠴᠠᠯᠭ᠎ᠠ ᠨᠡᠭᠡᠮᠵᠢᠯᠡᠬᠦ ᠬᠡᠯᠪᠡᠷᠢ ᠳᠤ᠄ ᠰᠡᠷᠡᠮᠵᠢᠯᠡᠬᠦᠯᠬᠦ᠂ ᠵᠠᠷᠯᠢᠭᠳᠠᠨ ᠢᠯᠡ  ᠪᠠᠷ ᠪᠤᠷᠤᠭᠤ ᠬᠦᠯᠢᠶᠡᠯᠭᠡᠬᠦ︔ ᠵᠤᠬᠢᠶᠠᠨ ᠪᠠᠶᠢᠭᠤᠯᠤᠯᠳᠠ  ᠶᠢᠨ ᠰᠢᠳᠭᠡᠯ  ᠳᠤ᠂ ᠠᠵᠢᠯ  ᠤᠨ ᠪᠠᠶᠢᠷᠢ  ᠠᠴᠠ ᠨᠢ ᠰᠢᠯᠵᠢᠬᠦᠯᠦᠨ ᠰᠠᠯᠭᠠᠬᠤ᠂  ᠠᠵᠢᠯ  ᠤᠨ ᠠᠯᠳᠠᠭ᠎ᠠ ᠪᠠᠷ ᠲᠤᠰᠢᠶᠠᠯ  ᠠᠴᠠ ᠪᠠᠨ ᠪᠠᠭᠤᠬᠤ᠂ ᠵᠠᠷᠯᠢᠭᠳᠠᠨ ᠲᠤᠰᠢᠶᠠᠯ ᠠᠴᠠ ᠨᠢ ᠪᠠᠭᠤᠯᠭᠠᠬᠤ᠂ ᠲᠤᠰᠢᠶᠠᠯ  ᠢ ᠨᠢ ᠤᠭᠴᠠᠷᠠᠭᠤᠯᠬᠤ᠂ ᠲᠤᠰᠢᠶᠠᠯ  ᠢ ᠨᠢ ᠪᠠᠭᠤᠷᠠᠭᠤᠯᠬᠤ ᠵᠡᠷᠭᠡ ᠪᠠᠭᠳᠠᠨ᠎ᠠ︔ ᠨᠠᠮ ᠵᠠᠰᠠᠭ  ᠤᠨ ᠰᠠᠬᠢᠯᠭ᠎ᠠ ᠪᠠᠳᠤ  ᠶᠢᠨ ᠰᠢᠳᠭᠡᠯ᠃    ᠵᠤᠬᠢᠶᠠᠨ ᠪᠠᠶᠢᠭᠤᠯᠤᠯᠳᠠ  ᠶᠢᠨ ᠰᠢᠳᠭᠡᠯ ᠪᠠ ᠨᠠᠮ ᠵᠠᠰᠠᠭ  ᠤᠨ ᠰᠠᠬᠢᠯᠭ᠎ᠠ ᠪᠠᠳᠤ  ᠶᠢᠨ ᠰᠢᠳᠭᠡᠯ  ᠢ ᠠᠰ  ᠲᠤᠨᠢ ᠬᠡᠷᠡᠭᠯᠡᠵᠦ ᠪᠤᠯᠬᠤ ᠪᠦᠭᠡᠳ ᠬᠠᠮᠳᠤ ᠳᠤᠨᠢ ᠬᠡᠷᠡᠭᠯᠡᠵᠦ ᠪᠤᠯᠤᠨ᠎ᠠ᠃     ᠬᠠᠷᠢᠭᠤᠴᠠᠯᠭ᠎ᠠ ᠨᠡᠭᠡᠮᠵᠢᠯᠡᠭᠳᠡᠬᠦ ᠨᠢᠭᠤᠷᠯᠠᠯ ᠶᠠᠯ᠎ᠠ  ᠳᠤ ᠬᠤᠯᠪᠤᠭᠳᠠᠪᠠᠯ᠂ ᠬᠠᠤᠯᠢ  ᠶᠢᠨ ᠪᠠᠶᠢᠭᠤᠯᠭ᠎ᠠ  ᠳᠤ ᠰᠢᠯᠵᠢᠬᠦᠯᠦᠨ ᠬᠠᠤᠯᠢ ᠶᠤᠰᠤᠭᠠᠷ ᠰᠢᠢᠳᠪᠤᠷᠢᠯᠡᠨ᠎ᠡ᠃   ᠠᠷᠪᠠᠨ ᠨᠢᠭᠡᠳᠦᠭᠡᠷ ᠵᠤᠷᠪᠤᠰ     ᠡᠯ᠎ᠡ ᠱᠠᠳᠤᠨ  ᠤ ᠵᠠᠰᠠᠭ  ᠤᠨ ᠤᠷᠳᠤᠨ ︵ᠬᠠᠮᠢᠶᠠᠷᠤᠯᠳᠠ  ᠶᠢᠨ ᠵᠦᠪᠯᠡᠯ︶  ᠨᠢ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ ᠢ ᠬᠠᠮᠠᠭᠠᠯᠠᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ  ᠶᠢ ᠡᠬᠦᠷᠭᠡᠯᠡᠵᠦ ᠪᠠᠶᠢᠭ᠎ᠠ ᠲᠠᠷᠢᠶᠠᠯᠠᠩ ᠮᠠᠯ ᠠᠵᠦ ᠠᠬᠤᠢ᠂ ᠤᠢ ᠰᠢᠭᠤᠢ᠂ ᠤᠰᠤᠨ ᠠᠰᠢᠭᠯᠠᠯᠳᠠ᠂ ᠤᠯᠤᠰ ᠤᠨ ᠭᠠᠵᠠᠷ ᠰᠢᠷᠤᠢ᠂ ᠬᠢᠨᠠᠨ ᠪᠤᠳᠤᠬᠤ᠂ ᠲᠤᠭ᠎ᠠ ᠪᠦᠷᠢᠳᠭᠡᠯ᠂ ᠠᠮᠢ ᠠᠬᠤᠢ᠂ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠰᠠᠯᠠᠭ᠎ᠠ ᠮᠦᠴᠢᠷ ᠨᠢ ᠲᠤᠰ ᠠᠷᠭ᠎ᠠ  ᠳᠤ ᠲᠤᠭᠳᠠᠭᠠᠭᠰᠠᠨ ᠬᠠᠷᠢᠭᠤᠴᠠᠯᠭ᠎ᠠ ᠨᠡᠭᠡᠮᠵᠢᠯᠡᠬᠦ ᠪᠠᠶᠢᠳᠠᠯ  ᠢ ᠢᠯᠡᠷᠡᠬᠦᠯᠪᠡᠯ ᠡᠷᠭᠡᠪᠰᠢ ᠬᠠᠤᠯᠢ ᠶᠤᠰᠤᠭᠠᠷ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠡᠪᠳᠡᠨ ᠬᠦᠨᠦᠬᠡᠭᠰᠡᠨ ᠠᠰᠠᠭᠤᠳᠠᠯ  ᠢ ᠪᠠᠶᠢᠴᠠᠭᠠᠬᠤ ᠬᠠᠷᠢᠭᠤᠴᠠᠯᠭ᠎ᠠ ᠪᠠᠨ ᠬᠦᠢᠴᠡᠳᠭᠡᠵᠦ᠂ ᠪᠠᠶᠢᠴᠠᠭᠠᠯᠳᠠ  ᠶᠢᠨ ᠦᠷ᠎ᠡ ᠳ᠋ᠦᠩ  ᠢᠶᠠᠨ ᠦᠨᠳᠦᠰᠦᠯᠡᠵᠦ᠂ ᠵᠠᠰᠠᠭ ᠵᠠᠬᠢᠷᠭᠠᠨ  ᠤ ᠰᠢᠳᠭᠡᠯ ᠲᠤᠷᠭᠠᠭᠤᠯᠢ  ᠶᠢᠨ ᠲᠤᠭᠳᠠᠭᠠᠯ ᠪᠤᠶᠤ ᠪᠤᠰᠤᠳ  ᠰᠢᠢᠳᠪᠤᠷᠢᠯᠡᠬᠦ ᠲᠤᠭᠳᠠᠭᠠᠯ ᠭᠠᠷᠭᠠᠬᠤ  ᠶᠢᠨ ᠬᠠᠮᠳᠤ ᠬᠤᠯᠪᠤᠭᠳᠠᠯ ᠪᠦᠬᠦᠢ ᠤᠳᠤᠷᠢᠳᠤᠯᠭ᠎ᠠ  ᠶᠢᠨ ᠬᠠᠷᠢᠭᠤᠴᠠᠯᠭ᠎ᠠ ᠪᠠ ᠰᠢᠢᠳᠪᠤᠷᠢᠯᠡᠭᠰᠡᠨ ᠪᠠᠶᠢᠳᠠᠯ  ᠳᠤ ᠰᠠᠨᠠᠭᠤᠯᠭ᠎ᠠ ᠲᠤᠷᠠᠳᠴᠦ᠂ ᠺᠠᠳ᠋ᠷ ᠤᠨ ᠬᠠᠮᠢᠶᠠᠷᠤᠯᠳᠠ  ᠶᠢᠨ ᠡᠷᠭᠡ ᠬᠢᠵᠠᠭᠠᠷᠯᠠᠯ  ᠢᠶᠠᠷ ᠬᠤᠯᠪᠤᠭᠳᠠᠯ ᠪᠦᠬᠦᠢ ᠮᠠᠲ᠋ᠧᠷᠢᠶᠠᠯ  ᠢ ᠴᠠᠭ ᠲᠤᠬᠠᠢ ᠳᠤᠨᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠤᠬᠢᠶᠠᠨ ᠪᠠᠶᠢᠭᠤᠯᠬᠤ ︵ᠠᠵᠢᠯᠳᠠᠨ  ᠤ ᠶᠠᠪᠤᠳᠠᠯ︶  ᠰᠠᠯᠠᠭ᠎ᠠ ᠮᠦᠴᠢᠷ  ᠲᠤ ᠬᠦᠷᠭᠡᠬᠦ ᠬᠡᠷᠡᠭᠳᠡᠢ᠃ ᠨᠠᠮ ᠵᠠᠰᠠᠭ  ᠤᠨ ᠰᠠᠬᠢᠯᠭ᠎ᠠ ᠪᠠᠳᠤ  ᠶᠢᠨ ᠬᠠᠷᠢᠭᠤᠴᠠᠯᠭ᠎ᠠ ᠨᠡᠭᠡᠮᠵᠢᠯᠡᠬᠦ  ᠶᠢ ᠨᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ  ᠪᠠᠶᠢᠭᠤᠯᠭ᠎ᠠ ᠨᠢ ᠬᠤᠯᠪᠤᠭᠳᠠᠯ ᠪᠦᠬᠦᠢ ᠲᠤᠭᠳᠠᠭᠠᠯ  ᠢᠶᠠᠷ ᠰᠢᠢᠳᠪᠤᠷᠢᠯᠡᠵᠦ︔ ᠰᠡᠷᠡᠮᠵᠢᠯᠡᠬᠦᠯᠬᠦ᠂ ᠵᠠᠷᠯᠢᠭᠳᠠᠨ ᠢᠯᠡ ᠪᠠᠷ ᠤᠰᠤᠯ ᠬᠦᠯᠢᠶᠡᠯᠭᠡᠬᠦ ᠪᠠ ᠵᠤᠬᠢᠶᠠᠨ ᠪᠠᠶᠢᠭᠤᠯᠤᠯᠳᠠ  ᠠᠴᠠ ᠰᠢᠢᠳᠪᠤᠷᠢᠯᠡᠬᠦ  ᠶᠢ ᠨᠢ᠂ ᠵᠤᠬᠢᠶᠠᠨ ᠪᠠᠶᠢᠭᠤᠯᠬᠤ ︵ᠠᠵᠢᠯᠳᠠᠨ  ᠤ ᠶᠠᠪᠤᠳᠠᠯ︶ ᠰᠠᠯᠠᠭ᠎ᠠ ᠮᠦᠴᠢᠷ  ᠠᠴᠠ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠢᠳᠪᠤᠷᠢᠯᠡᠨ᠎ᠡ᠃     ᠡᠯ᠎ᠡ ᠱᠠᠳᠤᠨ  ᠤ ᠵᠠᠰᠠᠭ  ᠤᠨ ᠤᠷᠳᠤᠨ ︵ᠬᠠᠮᠢᠶᠠᠷᠤᠯᠳᠠ  ᠶᠢᠨ ᠵᠦᠪᠯᠡᠯ︶ ᠨᠢ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠨ ᠬᠢᠨᠠᠨ  ᠬᠠᠮᠢᠶᠠᠷᠬᠤ ᠬᠠᠷᠢᠭᠤᠴᠠᠯᠭ᠎ᠠ ᠡᠬᠦᠷᠭᠡᠯᠡᠬᠦ ᠲᠠᠷᠢᠶᠠᠯᠠᠩ ᠮᠠᠯ ᠠᠵᠦ ᠠᠬᠤᠢ᠂ ᠤᠢ ᠰᠢᠭᠤᠢ᠂ ᠤᠰᠤᠨ ᠠᠰᠢᠭᠯᠠᠯᠳᠠ᠂ ᠤᠯᠤᠰ  ᠤᠨ ᠭᠠᠵᠠᠷ ᠰᠢᠷᠤᠢ᠂ ᠬᠢᠨᠠᠨ ᠪᠤᠳᠤᠬᠤ᠂ ᠲᠤᠭ᠎ᠠ ᠪᠦᠷᠢᠳᠭᠡᠯ᠂ ᠠᠮᠢ ᠠᠬᠤᠢ  ᠂ ᠤᠷᠴᠢᠨ ᠲᠤᠭᠤᠷᠢᠨ ᠵᠡᠷᠭᠡ ᠰᠠᠯᠠᠭ᠎ᠠ ᠮᠦᠴᠢᠷ ᠬᠢᠭᠡᠳ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠤᠬᠢᠶᠠᠨ ᠪᠠᠶᠢᠭᠤᠯᠬᠤ ︵ᠠᠵᠢᠯᠳᠠᠨ  ᠤ ᠶᠠᠪᠤᠳᠠᠯ︶ ᠰᠠᠯᠠᠭ᠎ᠠ ᠮᠦᠴᠢᠷ ᠨᠢ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠡᠪᠳᠡᠭᠰᠡᠨ ᠬᠠᠷᠢᠭᠤᠴᠠᠯᠭ᠎ᠠ ᠨᠡᠭᠡᠮᠵᠢᠯᠡᠬᠦ ᠬᠠᠷᠢᠴᠠᠨ ᠬᠠᠮᠵᠢᠯᠴᠠᠬᠤ ᠵᠤᠬᠢᠴᠠᠮᠵᠢ  ᠶᠢ ᠪᠠᠶᠢᠭᠤᠯᠤᠨ ᠪᠦᠷᠢᠨᠰᠢᠬᠦᠯᠪᠡᠯ ᠵᠤᠬᠢᠨ᠎ᠠ᠃     ᠬᠠᠤᠯᠢ ᠴᠠᠭᠠᠵᠠ  ᠶᠢᠨ ᠪᠠᠶᠢᠭᠤᠯᠭ᠎ᠠ ᠨᠢ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠡᠪᠳᠡᠭᠰᠡᠨ ᠵᠡᠷᠭᠡ ᠬᠡᠷᠡᠭ  ᠢ ᠰᠢᠢᠳᠪᠤᠷᠢᠯᠡᠬᠦ ᠶᠠᠪᠤᠴᠠ  ᠳᠤ ᠲᠤᠰ ᠠᠷᠭ᠎ᠠ ᠲᠤᠭᠳᠠᠭᠠᠯ  ᠤᠨ ᠬᠠᠷᠢᠭᠤᠴᠠᠯᠭ᠎ᠠ ᠨᠡᠭᠡᠮᠵᠢᠯᠡᠬᠦ ᠪᠠᠶᠢᠳᠠᠯ  ᠢ ᠢᠯᠡᠷᠡᠬᠦᠯᠪᠡᠯ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠤᠬᠢᠶᠠᠨ ᠪᠠᠶᠢᠭᠤᠯᠬᠤ ︵ᠠᠵᠢᠯᠳᠠᠨ  ᠤ ᠶᠠᠪᠤᠳᠠᠯ︶ ᠰᠠᠯᠠᠭ᠎ᠠ ᠮᠦᠴᠢᠷ ᠲᠤ ᠰᠢᠢᠳᠪᠤᠷᠢᠯᠡᠬᠦ  ᠰᠠᠨᠠᠭᠤᠯᠭ᠎ᠠ ᠲᠤᠷᠠᠳᠪᠠᠯ ᠵᠤᠬᠢᠨ᠎ᠠ᠃     ᠬᠠᠷᠢᠭᠤᠴᠠᠯᠭ᠎ᠠ ᠨᠡᠭᠡᠮᠵᠢᠯᠡᠬᠦ ᠲᠤᠭᠳᠠᠭᠠᠯ  ᠢ ᠬᠠᠷᠢᠭᠤᠴᠠᠵᠦ ᠪᠠᠶᠢᠭ᠎ᠠ ᠪᠠᠶᠢᠭᠤᠯᠭ᠎ᠠ ᠪᠠ ᠰᠠᠯᠠᠭ᠎ᠠ ᠮᠦᠴᠢᠷ ᠨᠢ ᠡᠩ  ᠤᠨ ᠪᠠᠶᠢᠳᠠᠯ ᠲᠤᠤᠷ᠎ᠠ ᠬᠠᠷᠢᠭᠤᠴᠠᠯᠭ᠎ᠠ ᠨᠡᠭᠡᠮᠵᠢᠯᠡᠬᠦ ᠲᠤᠭᠳᠠᠭᠠᠯ  ᠢᠶᠠᠨ ᠨᠡᠶᠢᠭᠡᠮ  ᠳᠤ ᠢᠯᠡ ᠪᠠᠷ ᠨᠡᠶᠢᠳᠡᠯᠡᠨ᠎ᠡ     ᠠᠷᠪᠠᠨ ᠬᠤᠶᠠᠳᠤᠭᠠᠷ ᠵᠤᠷᠪᠤᠰ     ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠭᠡᠮᠵᠢᠯᠡᠬᠦ ᠲᠦᠷᠢᠮ  ᠢ ᠬᠡᠷᠡᠭᠵᠢᠬᠦᠯᠦᠨ᠎ᠡ᠃ ᠰᠢᠨᠵᠢᠯᠡᠬᠦ ᠤᠬᠠᠭᠠᠨᠴᠢ ᠬᠦᠭᠵᠢᠯᠳᠡ  ᠶᠢᠨ ᠱᠠᠭᠠᠷᠳᠠᠯᠭ᠎ᠠ  ᠶᠢ ᠵᠦᠷᠢᠴᠡᠨ᠂ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠦᠨᠳᠦ ᠨᠤᠴᠢᠳᠠᠢ ᠡᠪᠳᠡᠭᠰᠡᠨ ᠬᠠᠷᠢᠭᠤᠴᠠᠯᠭ᠎ᠠ ᠡᠬᠦᠷᠭᠡᠯᠡᠭᠴᠢ ᠠᠵᠢᠯ  ᠤᠨ ᠪᠠᠶᠢᠷᠢ  ᠠᠴᠠ ᠪᠠᠨ ᠰᠢᠯᠵᠢᠭᠰᠡᠨ ᠡᠰᠡᠬᠦ᠂ ᠲᠡᠪᠰᠢᠬᠦᠯᠦᠭᠳᠡᠭᠰᠡᠨ ᠪᠤᠶᠤ ᠠᠵᠢᠯ ᠠᠴᠠ ᠪᠠᠨ ᠠᠮᠠᠷᠠᠭᠰᠠᠨ ᠠᠯᠢ ᠠᠴᠠ ᠨᠢ ᠴᠦ ᠴᠦᠮ ᠴᠢᠩᠭ᠎ᠠ ᠬᠠᠷᠢᠭᠤᠴᠠᠯᠭ᠎ᠠ ᠨᠡᠭᠡᠮᠵᠢᠯᠡᠨ᠎ᠡ᠃     ᠠᠷᠪᠠᠨ ᠭᠤᠷᠪᠠᠳᠤᠭᠠᠷ ᠵᠤᠷᠪᠤᠰ     ᠡᠯ᠎ᠡ ᠱᠠᠳᠤᠨ  ᠤ ᠵᠠᠰᠠᠭ  ᠤᠨ ᠤᠷᠳᠤᠨ ︵ᠬᠠᠮᠢᠶᠠᠷᠤᠯᠳᠠ  ᠶᠢᠨ ᠵᠦᠪᠯᠡᠯ︶ ᠨᠢ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ  ᠪᠠᠶᠠᠯᠢᠭ ᠢ ᠬᠠᠮᠠᠭᠠᠯᠠᠨ  ᠬᠢᠨᠠᠨ ᠬᠠᠮᠢᠶᠠᠷᠬᠤ ᠬᠠᠷᠢᠭᠤᠴᠠᠯᠭ᠎ᠠ ᠪᠦᠬᠦᠢ ᠲᠠᠷᠢᠶᠠᠯᠠᠩ ᠮᠠᠯ ᠠᠵᠦ ᠠᠬᠤᠢ᠂ ᠤᠢ ᠰᠢᠭᠤᠢ᠂ ᠤᠰᠤᠨ ᠠᠰᠢᠭᠯᠠᠯᠳᠠ᠂ ᠲᠤᠭ᠎ᠠ ᠪᠦᠷᠢᠳᠭᠡᠯ᠂ ᠠᠮᠢ ᠠᠬᠤᠢ᠂ ᠤᠷᠴᠢᠨ ᠲᠤᠭᠤᠷᠢᠨ ᠵᠡᠷᠭᠡ ᠰᠠᠯᠠᠭ᠎ᠠ ᠮᠦᠴᠢᠷ ᠪᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠤᠬᠢᠶᠠᠨ ᠪᠠᠶᠢᠭᠤᠯᠬᠤ ︵ᠠᠵᠢᠯᠳᠠᠨ  ᠤ ᠶᠠᠪᠤᠳᠠᠯ︶ ᠰᠠᠯᠠᠭ᠎ᠠ ᠮᠦᠴᠢᠷ ᠨᠢ ᠲᠤᠰ ᠠᠷᠭ᠎ᠠ ᠲᠤᠭᠳᠠᠭᠠᠯ  ᠤᠨ ᠬᠠᠷᠢᠭᠤᠴᠠᠯᠭ᠎ᠠ ᠨᠡᠭᠡᠮᠵᠢᠯᠡᠬᠦ ᠪᠠᠶᠢᠳᠠᠯ  ᠢ ᠢᠯᠡᠷᠡᠬᠦᠯᠪᠡᠯ᠂ ᠪᠠᠶᠢᠴᠠᠭᠠᠬᠤ ᠵᠤᠬᠢᠰᠳᠠᠢ ᠪᠠᠶᠢᠳᠠᠯ᠎ᠠ ᠪᠠᠶᠢᠴᠠᠭᠠᠭᠰᠠᠨ ᠦᠭᠡᠢ᠂ ᠰᠢᠯᠵᠢᠬᠦᠯᠦᠨ  ᠬᠦᠷᠭᠡᠬᠦ ᠵᠤᠬᠢᠰᠳᠠᠢ ᠪᠠᠶᠢᠳᠠᠯ᠎ᠠ ᠰᠢᠯᠵᠢᠬᠦᠯᠦᠨ ᠬᠦᠷᠭᠡᠭᠰᠡᠨ ᠦᠭᠡᠢ᠂ ᠬᠠᠷᠢᠭᠤᠴᠠᠯᠭ᠎ᠠ ᠨᠡᠭᠡᠮᠵᠢᠯᠡᠬᠦ ᠵᠤᠬᠢᠰᠳᠠᠢ ᠪᠠᠶᠢᠳᠠᠯ᠎ᠠ ᠬᠠᠷᠢᠭᠤᠴᠠᠯᠭ᠎ᠠ ᠨᠡᠭᠡᠮᠵᠢᠯᠡᠭᠰᠡᠨ ᠦᠭᠡᠢ  ᠪᠤᠯ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠭᠡᠮᠵᠢᠯᠡᠨ᠎ᠡ᠃     ᠠᠷᠪᠠᠨ ᠲᠦᠷᠪᠡᠳᠦᠭᠡᠷ ᠵᠤᠷᠪᠤᠰ     ᠬᠠᠷᠢᠭᠤᠴᠠᠯᠭ᠎ᠠ ᠨᠡᠭᠡᠮᠵᠢᠯᠡᠭᠳᠡᠭᠰᠡᠨ ᠬᠦᠮᠦᠰ ᠬᠠᠷᠢᠭᠤᠴᠠᠯᠭ᠎ᠠ ᠨᠡᠭᠡᠮᠵᠢᠯᠡᠬᠦ ᠲᠤᠭᠳᠠᠭᠠᠯ  ᠢ ᠵᠦᠪᠰᠢᠶᠡᠷᠡᠬᠦ ᠦᠭᠡᠢ ᠪᠤᠯ ᠬᠠᠷᠢᠭᠤᠴᠠᠯᠭ᠎ᠠ ᠨᠡᠭᠡᠮᠵᠢᠯᠡᠭᠰᠡᠨ ᠪᠠᠶᠢᠭᠤᠯᠭ᠎ᠠ ᠪᠠ ᠰᠠᠯᠠᠭ᠎ᠠ ᠮᠦᠴᠢᠷ  ᠲᠤ ᠪᠢᠴᠢᠭ  ᠤᠨ ᠬᠡᠯᠪᠡᠷᠢ ᠪᠠᠷ ᠭᠤᠮᠤᠳᠠᠯ ᠲᠤᠭᠠᠴᠢᠨ᠎ᠠ᠃ ᠬᠠᠷᠢᠭᠤᠴᠠᠯᠭ᠎ᠠ ᠨᠡᠭᠡᠮᠵᠢᠯᠡᠬᠦ ᠲᠤᠭᠳᠠᠭᠠᠯ ᠭᠠᠷᠭᠠᠭᠰᠠᠨ ᠪᠠᠶᠢᠭᠤᠯᠭ᠎ᠠ ᠪᠠ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠲᠤᠭᠳᠠᠭᠠᠯ  ᠢ ᠦᠨᠳᠦᠰᠦᠯᠡᠵᠦ ᠬᠦᠯᠢᠶᠡᠨ ᠠᠪᠬᠤ  ᠶᠢᠨ ᠬᠠᠮᠳᠤ ᠰᠢᠢᠳᠪᠤᠷᠢ ᠭᠠᠷᠭᠠᠨ᠎ᠠ᠃ ᠭᠤᠮᠤᠳᠠᠯ ᠲᠤᠭᠠᠴᠢᠯᠳᠠ  ᠶᠢᠨ ᠬᠤᠭᠤᠴᠠᠭᠠᠨ  ᠳᠤ ᠬᠠᠷᠢᠭᠤᠴᠠᠯᠭ᠎ᠠ ᠨᠡᠭᠡᠮᠵᠢᠯᠡᠬᠦ ᠲᠤᠭᠳᠠᠭᠠᠯ  ᠢ ᠬᠡᠷᠡᠭᠵᠢᠬᠦᠯᠬᠦ  ᠶᠢ ᠵᠤᠭᠰᠤᠭᠠᠬᠤ ᠦᠭᠡᠢ᠃     ᠠᠷᠪᠠᠨ ᠲᠠᠪᠤᠳᠤᠭᠠᠷ ᠵᠤᠷᠪᠤᠰ     ᠬᠠᠷᠢᠭᠤᠴᠠᠯᠭ᠎ᠠ ᠨᠡᠭᠡᠮᠵᠢᠯᠡᠭᠳᠡᠭᠰᠡᠨ ᠤᠳᠤᠷᠢᠳᠬᠤ ᠺᠠᠳ᠋ᠷ  ᠤᠨ ᠲᠤᠰ ᠵᠢᠯ  ᠤᠨ ᠬᠢᠨᠠᠨ ᠰᠢᠯᠭᠠᠯᠳᠠ  ᠳᠤ ᠰᠢᠯᠢᠳᠡᠭ  ᠢᠶᠠᠷ ᠦᠨᠡᠯᠡᠬᠦ ᠪᠠ ᠲᠡᠷᠢᠬᠦᠨ  ᠤ ᠬᠢ ᠪᠠᠷ ᠦᠨᠡᠯᠡᠬᠦ ᠬᠢᠷᠢ ᠬᠡᠮ  ᠢ  ᠦᠭᠡᠶᠢᠰᠭᠡᠨ᠎ᠡ᠃      ᠠᠵᠢᠯ  ᠤᠨ ᠪᠠᠶᠢᠷᠢ ᠠᠴᠠ ᠨᠢ ᠰᠢᠯᠵᠢᠬᠦᠯᠬᠦ ᠪᠠᠷ ᠰᠢᠢᠳᠪᠤᠷᠢᠯᠡᠭᠰᠡᠨ  ᠢ ᠠᠳᠠᠭ ᠲᠠᠭᠠᠨ ᠨᠢᠭᠡ ᠵᠢᠯ  ᠤᠨ ᠲᠤᠳᠤᠷ᠎ᠠ ᠲᠡᠪᠰᠢᠬᠦᠯᠵᠦ ᠪᠤᠯᠬᠤ ᠦᠭᠡᠢ︔ ᠠᠰ ᠲᠠᠭᠠᠨ ᠪᠤᠷᠤᠭᠤ ᠪᠠᠨ ᠬᠦᠯᠢᠶᠡᠵᠦ ᠲᠤᠰᠢᠶᠠᠯ  ᠠᠴᠠ ᠪᠠᠭᠤᠬᠤ᠂ ᠵᠠᠷᠯᠢᠭ  ᠢᠶᠠᠷ ᠲᠤᠰᠢᠶᠠᠯ  ᠠᠴᠠ ᠪᠠᠨ ᠪᠠᠭᠤᠬᠤ ᠪᠠ ᠲᠤᠰᠢᠶᠠᠯ  ᠠᠴᠠ ᠪᠠᠨ ᠤᠬᠴᠠᠷᠠᠭᠳᠠᠭᠰᠠᠳ  ᠲᠤ ᠠᠳᠠᠭ  ᠲᠠᠭᠠᠨ ᠨᠢᠭᠡ ᠵᠢᠯ  ᠤᠨ ᠲᠤᠳᠤᠷ᠎ᠠ ᠲᠤᠰᠢᠶᠠᠯ ᠪᠠᠶᠢᠷᠢᠯᠠᠭᠤᠯᠵᠦ ᠪᠤᠯᠬᠤ ᠦᠭᠡᠢ᠃ ᠠᠳᠠᠭ ᠲᠠᠭᠠᠨ ᠬᠤᠶᠠᠷ ᠵᠢᠯ  ᠤᠨ ᠲᠤᠳᠤᠷ᠎ᠠ ᠤᠤᠯ  ᠤᠨ ᠲᠤᠰᠢᠶᠠᠯ  ᠠᠴᠠ ᠨᠢ ᠦᠨᠳᠦᠷ ᠲᠤᠰᠢᠶᠠᠯ ᠡᠬᠦᠷᠭᠡᠯᠡᠬᠦᠯᠵᠦ ᠪᠤᠯᠬᠤ ᠦᠭᠡᠢ︔ ᠲᠤᠰᠢᠶᠠᠯ  ᠢ  ᠨᠢ ᠪᠠᠭᠤᠷᠠᠭᠤᠯᠤᠨ ᠰᠢᠢᠳᠪᠤᠷᠢᠯᠡᠭᠰᠡᠨ  ᠢ ᠠᠳᠠᠭ ᠲᠠᠭᠠᠨ ᠬᠤᠶᠠᠷ ᠵᠢᠯ  ᠤᠨ ᠲᠤᠳᠤᠷ᠎ᠠ ᠲᠤᠰᠢᠶᠠᠯ  ᠢ ᠨᠢ ᠲᠡᠭᠡᠭᠰᠢᠯᠡᠬᠦᠯᠵᠦ ᠪᠤᠯᠬᠤ ᠦᠭᠡᠢ᠃ ᠡᠬᠦᠨ  ᠤ ᠬᠠᠮᠳᠤ ᠨᠠᠮ ᠵᠠᠰᠠᠭ ᠤᠨ ᠰᠠᠬᠢᠯᠭ᠎ᠠ  ᠪᠠᠳᠤ  ᠶᠢᠨ ᠰᠢᠳᠭᠡᠯ  ᠢ ᠤᠯᠤᠭᠰᠠᠨ ᠪᠠ ᠵᠤᠬᠢᠶᠠᠨ ᠪᠠᠶᠢᠭᠤᠯᠤᠯᠳᠠ  ᠠᠴᠠ ᠰᠢᠢᠳᠪᠤᠷᠢᠯᠡᠭᠰᠡᠨ  ᠢ ᠨᠦᠯᠦᠭᠡ ᠶᠢᠨ ᠬᠤᠭᠤᠴᠠᠭᠠᠨ ᠤ ᠤᠷᠳᠦ  ᠪᠠᠷ ᠲᠤᠭᠳᠠᠭᠠᠯ ᠬᠡᠷᠡᠭᠵᠢᠬᠦᠯᠦᠨ᠎ᠡ᠃    ᠠᠷᠪᠠᠨ ᠵᠢᠷᠭᠤᠳᠤᠭᠠᠷ ᠵᠤᠷᠪᠤᠰ     ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ︶  ᠶᠢᠨ ᠨᠠᠮ ᠵᠠᠰᠠᠭ  ᠤᠨ ᠤᠳᠤᠷᠢᠳᠬᠤ ᠪᠦᠷᠢᠯᠳᠦᠬᠦᠨ  ᠠᠴᠠ ᠠᠮᠢ ᠠᠬᠤᠢ  ᠶᠢᠨ ᠤᠷᠴᠢᠨ ᠲᠤᠭᠤᠷᠢᠨ  ᠢ  ᠡᠪᠳᠡᠭᠰᠡᠨ ᠬᠠᠷᠢᠭᠤᠴᠠᠯᠭ᠎ᠠ ᠨᠡᠭᠡᠮᠵᠢᠯᠡᠬᠦ  ᠳᠤ ᠲᠤᠰ ᠠᠷᠭ᠎ᠠ  ᠶᠢᠨ ᠬᠠᠮᠢᠶ᠎ᠠ ᠪᠦᠬᠦᠢ ᠲᠤᠭᠳᠠᠭᠠᠯ  ᠢᠶᠠᠷ ᠯᠠᠪᠯᠠᠯᠳᠠ ᠪᠤᠯᠭᠠᠨ ᠬᠡᠷᠡᠭᠵᠢᠬᠦᠯᠦᠨ᠎ᠡ᠃ ᠠᠷᠪᠠᠨ ᠲᠤᠯᠤᠳᠤᠭᠠᠷ ᠵᠤᠷᠪᠤᠰ     ᠡᠯ᠎ᠡ ᠬᠤᠰᠢᠭᠤ ᠰᠢᠶᠠᠨ ᠬᠤᠳᠠ ᠤᠷᠤᠨ  ᠤ ᠨᠠᠮ  ᠤᠨ ᠬᠤᠷᠢᠶ᠎ᠠ ᠪᠠ  ᠵᠠᠰᠠᠭ  ᠤᠨ ᠤᠷᠳᠤᠨ ︵ᠬᠠᠮᠢᠶᠠᠷᠤᠯᠳᠠ  ᠶᠢᠨ ᠵᠦᠪᠯᠡᠯ︶ ᠨᠢ ᠲᠤᠰ ᠠᠷᠭ᠎ᠠ  ᠶᠢ ᠦᠨᠳᠦᠰᠦᠯᠡᠵᠦ ᠬᠡᠷᠡᠭᠵᠢᠬᠦᠯᠬᠦ ᠨᠠᠷᠢᠨ ᠲᠦᠷᠢᠮ  ᠢᠶᠠᠨ ᠲᠤᠭᠳᠠᠭᠠᠵᠦ ᠪᠤᠯᠤᠨ᠎ᠠ᠃    ᠠᠷᠪᠠᠨ ᠨᠠᠢᠮᠠᠳᠤᠭᠠᠷ ᠵᠤᠷᠪᠤᠰ     ᠲᠤᠰ ᠠᠷᠭ᠎ᠠ  ᠶᠢ ᠠᠶᠢᠮᠠᠭ  ᠤᠨ ᠨᠠᠮ  ᠤᠨ ᠬᠤᠷᠢᠶᠠᠨ  ᠤ ᠵᠤᠬᠢᠶᠠᠨ ᠪᠠᠶᠢᠭᠤᠯᠬᠤ ᠬᠡᠯᠳᠡᠰ᠂ ᠠᠶᠢᠮᠠᠭ  ᠤᠨ ᠰᠠᠬᠢᠯᠭ᠎ᠠ ᠪᠠᠳᠤ ᠪᠠᠶᠢᠴᠠᠭᠠᠬᠤ  ᠬᠤᠷᠢᠶ᠎ᠠ ᠬᠢᠨᠠᠨ ᠪᠠᠶᠢᠴᠠᠭᠠᠬᠤ ᠲᠤᠪᠴᠢᠶ᠎ᠠ  ᠠᠴᠠ ᠬᠠᠷᠢᠭᠤᠴᠠᠨ ᠲᠠᠶᠢᠯᠪᠤᠷᠢᠯᠠᠨ᠎ᠠ᠃    ᠠᠷᠪᠠ ᠶᠢᠰᠦᠳᠦᠭᠡᠷ ᠵᠤᠷᠪᠤᠰ     ᠲᠤᠰ ᠠᠷᠭ᠎ᠠ  ᠶᠢ ᠨᠡᠶᠢᠳᠡᠯᠡᠭᠰᠡᠨ ᠡᠳᠦᠷ  ᠠᠴᠠ ᠡᠬᠢᠯᠡᠵᠦ ᠬᠡᠷᠡᠭᠵᠢᠬᠦᠯᠦᠨ᠎ᠡ     ᠰᠢᠯᠢ   ᠶᠢᠨ  ᠭᠤᠤᠯ  ᠠᠶᠢᠮᠠᠭ ᠤᠨ ᠠᠮᠢ  ᠠᠬᠤᠢ  ᠶᠢᠨ ᠤᠷᠴᠢᠨ ᠲᠤᠭᠤᠷᠢᠨ  ᠪᠠ  ᠡᠬᠢ     ᠪᠠᠶᠠᠯᠢᠭ ᠢ ᠬᠠᠮᠠᠭᠠᠯᠠᠬᠤ ᠠᠵᠢᠯ ᠤᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠬᠦᠯᠬᠦ︶    ᠨᠢᠭᠡᠳᠦᠭᠡᠷ ᠪᠦᠯᠦᠭ     ᠶᠡᠷᠦᠩᠭᠡᠢ ᠲᠦᠷᠢᠮ    ᠨᠢᠭᠡᠳᠦᠭᠡᠷ ᠵᠤᠷᠪᠤᠰ    ᠠᠮᠢ ᠠᠬᠤᠢ  ᠶᠢᠨ ᠪᠤᠯᠪᠠᠰᠤᠨ  ᠤ ᠲᠦᠷᠢᠮ  ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠢ  ᠶᠢᠨ ᠤᠷᠴᠢᠨ  ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ  ᠶᠢᠨ ᠲᠤᠰᠠᠳᠠ᠂ ︽ᠰᠢᠯᠢ  ᠶᠢᠨ ᠭᠤᠤᠯ ᠠᠶᠢᠮᠠᠭ  ᠤᠨ ᠠᠮᠢ ᠠᠬᠤᠢ ᠶᠢᠨ ᠬᠠᠮᠠᠭᠠᠯᠠᠯᠳᠠ ᠬᠢᠭᠡᠳ ᠪᠦᠳᠦᠭᠡᠨ ᠪᠠᠶᠢᠭᠤᠯᠤᠯᠳᠠ  ᠶᠢᠨ ᠠᠵᠢᠯ  ᠤᠨ ᠤᠳᠤᠷᠢᠳᠬᠤ ᠲᠤᠭᠤᠶᠢᠯᠠᠩ  ᠤᠨ〈ᠰᠢᠯᠢ  ᠶᠢᠨ ᠭᠤᠤᠯ ᠠᠶᠢᠮᠠᠭ  ᠤᠨ ᠠᠮᠢ ᠠᠬᠤᠢ  ᠶᠢᠨ ᠪᠤᠯᠪᠠᠰᠤᠨ  ᠤ ᠲᠦᠷᠢᠮ  ᠤᠨ ᠪᠠᠶᠢᠭᠤᠯᠤᠯᠳᠠ  ᠶᠢᠨ ᠲᠤᠷᠰᠢᠯᠳᠠ  ᠶᠢᠨ  ᠴᠡᠭ  ᠤᠨ ᠬᠡᠷᠡᠭᠵᠢᠬᠦᠯᠬᠦ ᠲᠦᠰᠦᠯ 〉 ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾  ︵ᠰᠢᠯᠢ ᠠᠮᠢ ᠠᠬᠤᠢ  ᠶᠢᠨ ᠲᠤᠭᠤᠶᠢᠯᠠᠩ ᠦᠰᠦᠭᠳᠦ〔2015〕8 ᠳ᠋ᠤᠭᠠᠷ ᠲᠤᠭᠠᠳᠦ︶  ᠵᠡᠷᠭᠡ ᠬᠠᠮᠢᠶ᠎ᠠ ᠪᠦᠬᠦᠢ ᠲᠤᠭᠳᠠᠭᠠᠯ  ᠢ ᠦᠨᠳᠦᠰᠦᠯᠡᠵᠦ᠂ ᠲᠤᠰ ᠠᠷᠭ᠎ᠠ  ᠶᠢ ᠲᠤᠭᠳᠠᠭᠠᠪᠠ᠃    ᠬᠤᠶᠠᠳᠤᠭᠠᠷ ᠵᠤᠷᠪᠤᠰ    ᠬᠢᠨᠠᠨ ᠰᠢᠯᠭᠠᠬᠤ ᠠᠵᠢᠯ ᠨᠢ ᠪᠤᠰᠤᠳᠴᠢ ᠲᠦᠪ ᠭᠤᠤᠯᠴᠢ᠂ ᠰᠢᠨᠵᠢᠯᠡᠬᠦ ᠤᠬᠠᠭᠠᠨᠴᠢ ᠵᠤᠬᠢᠰᠳᠠᠢ᠂ ᠰᠢᠰᠲ᠋ᠧᠮᠴᠢᠯᠠᠨ ᠶᠡᠷᠦᠩᠭᠡᠶᠢᠯᠡᠭᠰᠡᠨ᠂ ᠦᠨᠡᠨ  ᠢ ᠪᠠᠷᠢᠮᠳᠠᠯᠠᠨ ᠪᠤᠳᠠᠳᠠᠢ  ᠶᠢ ᠡᠷᠬᠢᠮᠯᠡᠬᠦ ᠵᠠᠷᠴᠢᠮ  ᠢ ᠪᠠᠷᠢᠮᠳᠠᠯᠠᠨ᠎ᠠ᠃   ᠭᠤᠷᠪᠠᠳᠤᠭᠠᠷ ᠵᠤᠷᠪᠤᠰ     ᠡᠯ᠎ᠡ ᠬᠤᠰᠢᠭᠤ ᠰᠢᠶᠠᠨ ᠬᠤᠳᠠ ᠤᠷᠤᠨ ᠪᠤᠯ ᠠᠮᠢ ᠠᠬᠤᠢ  ᠶᠢᠨ ᠪᠤᠯᠪᠠᠰᠤᠨ  ᠤ ᠲᠦᠷᠢᠮ  ᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ  ᠶᠢᠨ ᠭᠤᠤᠯ ᠴᠤᠭᠴᠠ ᠮᠦᠨ᠂ ᠡᠯ᠎ᠡ ᠬᠤᠰᠢᠭᠤ ᠰᠢᠶᠠᠨ ᠬᠤᠳᠠ ᠤᠷᠤᠨ ᠤ ᠭᠤᠤᠯ ᠬᠠᠷᠢᠭᠤᠴᠠᠯᠭᠠᠳᠠᠨ ᠨᠢ ᠲᠤᠰ ᠵᠠᠰᠠᠭ ᠵᠠᠬᠢᠷᠭᠠᠨ  ᠤ ᠤᠷᠤᠨ  ᠤ ᠪᠠᠨ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠠᠵᠢᠯ  ᠢ ᠶᠡᠷᠦᠩᠭᠡᠶᠢᠯᠡᠨ ᠬᠠᠷᠢᠭᠤᠴᠠᠨ᠎ᠠ᠃    ᠲᠦᠷᠪᠡᠳᠦᠭᠡᠷ ᠵᠤᠷᠪᠤᠰ     ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠠᠵᠢᠯ  ᠤᠨ ᠬᠢᠨᠠᠨ ᠰᠢᠯᠭᠠᠯᠳᠠ  ᠶᠢ ᠠᠶᠢᠮᠠᠭ  ᠤᠨ ᠨᠠᠮ  ᠤᠨ ᠬᠤᠷᠢᠶ᠎ᠠ᠂ ᠵᠠᠬᠢᠷᠭ᠎ᠠ  ᠶᠢᠨ ᠨᠢᠭᠡᠳᠦᠯᠳᠡᠢ ᠤᠳᠤᠷᠢᠳᠤᠯᠭ᠎ᠠ ᠲᠤᠤᠷ᠎ᠠ ᠶᠠᠪᠤᠭᠳᠠᠭᠤᠯᠵᠦ᠂ ᠠᠶᠢᠮᠠᠭ  ᠤᠨ ᠠᠮᠢ ᠠᠬᠤᠢ  ᠶᠢᠨ ᠵᠦᠪᠯᠡᠯ ᠲᠦᠷᠦᠬᠦᠯᠡᠵᠦ᠂ ᠠᠶᠢᠮᠠᠭ  ᠤᠨ ᠤᠯᠤᠰ  ᠤᠨ ᠭᠠᠵᠠᠷ ᠰᠢᠷᠤᠢ  ᠶᠢᠨ ᠲᠤᠪᠴᠢᠶ᠎ᠠ᠂ ᠤᠷᠴᠢᠨ ᠲᠤᠭᠤᠷᠢᠨ  ᠤ ᠬᠠᠮᠠᠭᠠᠯᠠᠯᠳᠠ  ᠶᠢᠨ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ  ᠶᠢᠨ ᠲᠤᠪᠴᠢᠶ᠎ᠠ᠂ ᠤᠢ ᠰᠢᠭᠤᠢ  ᠶᠢᠨ ᠲᠤᠪᠴᠢᠶ᠎ᠠ᠂ ᠤᠰᠤᠨ ᠠᠰᠢᠭᠯᠠᠯᠳᠠ  ᠶᠢᠨ ᠲᠤᠪᠴᠢᠶ᠎ᠠ᠂ ᠬᠢᠨᠠᠨ ᠪᠤᠳᠤᠬᠤ ᠲᠤᠪᠴᠢᠶ᠎ᠠ᠂ ᠲᠤᠭ᠎ᠠ ᠪᠦᠷᠢᠳᠭᠡᠯ  ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠯᠦᠭᠡ ᠬᠠᠮᠵᠢᠯᠴᠠᠨ ᠠᠶᠢᠮᠠᠭ  ᠤᠨ ᠬᠢᠨᠠᠨ ᠰᠢᠯᠭᠠᠬᠤ ᠠᠵᠢᠯ ᠤᠨ ᠲᠤᠭᠤᠶᠢᠯᠠᠩ  ᠪᠦᠷᠢᠯᠳᠦᠬᠦᠯᠵᠦ᠂ ᠪᠤᠳᠠᠳᠠᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃    ᠬᠤᠶᠠᠳᠤᠭᠠᠷ ᠪᠦᠯᠦᠭ     ᠬᠢᠨᠠᠨ ᠰᠢᠯᠭᠠᠬᠤ ᠠᠭᠤᠯᠭ᠎ᠠ ᠪᠠ ᠬᠦᠢᠴᠡᠳᠭᠡᠯ ᠲᠤᠭ᠎ᠠ    ᠲᠠᠪᠤᠳᠤᠭᠠᠷ ᠵᠤᠷᠪᠤᠰ    ᠬᠢᠨᠠᠨ ᠰᠢᠯᠭᠠᠬᠤ ᠠᠭᠤᠯᠭ᠎ᠠ  ᠳᠤ ᠪᠠᠶᠢᠭᠤᠯᠤᠯ ᠵᠤᠬᠢᠴᠠᠮᠵᠢ  ᠶᠢᠨ ᠪᠠᠶᠢᠭᠤᠯᠤᠯᠳᠠ᠂ ᠬᠢᠨᠠᠨ ᠬᠠᠮᠢᠶᠠᠷᠤᠯᠳᠠ  ᠶᠢᠨ ᠪᠠᠶᠢᠳᠠᠯ᠂ ᠠᠮᠢ ᠠᠬᠤᠢ  ᠶᠢᠨ ᠬᠠᠮᠭᠠᠯᠠᠯᠳᠠ ᠬᠢᠭᠡᠳ ᠪᠦᠳᠦᠭᠡᠨ ᠪᠠᠶᠢᠭᠤᠯᠤᠯᠳᠠ  ᠶᠢᠨ ᠪᠠᠶᠢᠳᠠᠯ  ᠢ ᠪᠠᠭᠳᠠᠭᠠᠨ᠎ᠠ᠃    ᠪᠠᠶᠢᠭᠤᠯᠤᠯ ᠵᠤᠬᠢᠴᠠᠮᠵᠢ  ᠶᠢᠨ ᠪᠠᠶᠢᠭᠤᠯᠤᠯᠳᠠ  ᠶᠢᠨ ᠪᠠᠶᠢᠳᠠᠯ ᠳᠤ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠪᠠᠶᠢᠭᠤᠯᠤᠮᠵᠢ  ᠶᠢ ᠪᠠᠶᠢᠭᠤᠯᠬᠤ᠂ ᠤᠳᠤᠷᠢᠳᠬᠤ ᠬᠠᠷᠢᠭᠤᠴᠠᠯᠭ᠎ᠠ  ᠶᠢᠨ ᠲᠦᠷᠢᠮ  ᠢ ᠨᠡᠶᠢᠳᠠᠪᠤᠷᠢᠵᠢᠭᠤᠯᠬᠤ᠂ ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠵᠡᠷᠭᠡ ᠲᠠᠯ᠎ᠠ  ᠶᠢᠨ ᠲᠦᠷᠢᠮ ᠪᠠ ᠠᠷᠭ᠎ᠠ ᠬᠡᠮᠵᠢᠶ᠎ᠡ  ᠶᠢ ᠲᠤᠭᠳᠠᠭᠠᠬᠤ᠂ ᠠᠮᠢ ᠠᠬᠤᠢ  ᠶᠢᠨ ᠪᠤᠯᠪᠠᠰᠤᠨ  ᠤ ᠤᠬᠠᠭᠤᠯᠭ᠎ᠠ ᠪᠤᠯᠪᠠᠰᠤᠷᠠᠯ  ᠢ ᠪᠠᠭᠳᠠᠭᠠᠨ᠎ᠠ᠃    ᠬᠢᠨᠠᠨ ᠬᠠᠮᠢᠶᠠᠷᠬᠤ ᠪᠠᠶᠢᠳᠠᠯ  ᠳᠤ ᠭᠠᠵᠠᠷ ᠰᠢᠷᠤᠢ  ᠶᠢᠨ ᠬᠠᠤᠯᠢ  ᠠᠴᠠ ᠵᠦᠷᠢᠴᠡᠭᠰᠡᠨ ᠬᠡᠷᠡᠭ  ᠢ ᠰᠢᠢᠳᠪᠤᠷᠢᠯᠡᠭᠰᠡᠨ ᠨᠤᠷᠮ᠎ᠠ᠂ ᠨᠤᠳᠤᠭ ᠪᠡᠯᠴᠢᠭᠡᠷ  ᠢ ᠬᠠᠤᠯᠢ ᠪᠤᠰᠤ ᠪᠠᠷ ᠲᠠᠳᠠᠪᠤᠷᠢᠯᠠᠨ ᠬᠡᠷᠡᠭᠯᠡᠭᠰᠡᠨ ᠬᠡᠷᠡᠭ  ᠢ ᠰᠢᠢᠳᠪᠤᠷᠢᠯᠡᠭᠰᠡᠨ ᠨᠤᠷᠮ᠎ᠠ᠂ ᠵᠡᠷᠯᠢᠭ ᠤᠷᠭᠤᠮᠠᠯ  ᠢ ᠬᠠᠤᠯᠢ ᠪᠤᠰᠤ ᠪᠠᠷ ᠲᠡᠬᠦᠭᠰᠡᠨ ᠬᠡᠷᠡᠭ  ᠢ ᠰᠢᠢᠳᠪᠤᠷᠢᠯᠡᠭᠰᠡᠨ ᠨᠤᠷᠮ᠎ᠠ᠂ ᠪᠡᠯᠴᠢᠭᠡᠷᠯᠡᠬᠦᠯᠬᠦ  ᠶᠢ ᠵᠤᠭᠰᠤᠭᠠᠬᠤ ᠪᠡᠯᠴᠢᠭᠡᠷ ᠰᠡᠯᠬᠦᠨ ᠮᠠᠯᠵᠢᠬᠤ᠂ ᠮᠠᠯ ᠪᠡᠯᠴᠢᠭᠡᠷ  ᠤᠨ ᠲᠡᠩᠴᠡᠬᠦᠷᠢᠰᠢᠯ  ᠤᠨ ᠲᠦᠷᠢᠮ ᠢ ᠵᠦᠷᠢᠴᠡᠭᠰᠡᠨ ᠬᠡᠷᠡᠭ  ᠢ ᠰᠢᠢᠳᠪᠤᠷᠢᠯᠡᠭᠰᠡᠨ ᠨᠤᠷᠮ᠎ᠠ ᠵᠡᠷᠭᠡ  ᠶᠢ ᠪᠠᠭᠳᠠᠭᠠᠨ᠎ᠠ᠃    ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠪᠠᠶᠢᠳᠠᠯ  ᠳᠤ ᠨᠤᠳᠤᠭ ᠪᠡᠯᠴᠢᠭᠡᠷ  ᠤᠨ ᠡᠪᠡᠰᠦ ᠤᠷᠭᠤᠮᠠᠯ  ᠤᠨ ᠲᠤᠮᠳᠠᠴᠢ ᠦᠨᠳᠦᠷ᠂ ᠪᠦᠷᠬᠦᠴᠡ‌‍ᠶᠢᠨ ᠬᠡᠮᠵᠢᠶ᠎ᠡ᠂ ᠭᠠᠷᠤᠯᠳᠠ᠂ ᠬᠠᠳᠤᠯᠠᠩ  ᠤᠨ ᠲᠠᠯᠠᠪᠠᠢ︔ ᠤᠢ ᠰᠢᠭᠤᠢ  ᠶᠢᠨ ᠲᠠᠯᠠᠪᠠᠢ᠂ ᠤᠢ ᠰᠢᠭᠤᠢ  ᠶᠢᠨ ᠪᠦᠷᠬᠦᠴᠡ  ᠶᠢᠨ ᠨᠤᠷᠮ᠎ᠠ︔ ᠠᠭᠤᠷᠬᠠᠢ  ᠶᠢᠨ ᠤᠷᠴᠢᠨ ᠲᠤᠭᠤᠷᠢᠨ  ᠢ ᠵᠠᠰᠠᠨ  ᠴᠡᠭᠴᠡᠯᠡᠭᠰᠡᠨ ᠪᠠᠶᠢᠳᠠᠯ︔ ᠤᠰᠤ ᠬᠡᠷᠡᠭᠯᠡᠭᠰᠡᠨ ᠶᠡᠷᠦᠩᠭᠡᠢ ᠬᠡᠮᠵᠢᠶ᠎ᠡ᠂ ᠲᠦᠮᠡᠨ ᠲᠦᠬᠦᠷᠢᠭ  ᠤᠨ ᠠᠵᠦ ᠦᠢᠯᠡᠳᠪᠤᠷᠢ  ᠶᠢᠨ ᠤᠰᠤ ᠬᠡᠷᠡᠭᠯᠡᠬᠦ ᠨᠡᠮᠡᠭᠳᠡᠯ ᠦᠷᠳᠡᠭ᠂  ᠲᠠᠷᠢᠶ᠎ᠠ ᠪᠠ ᠲᠡᠵᠢᠭᠡᠯ ᠡᠪᠡᠰᠦ ᠪᠤᠷᠳᠤᠭᠠᠨ  ᠤ ᠭᠠᠵᠠᠷ  ᠤᠨ ᠤᠰᠤᠯᠠᠯᠳᠠ  ᠶᠢᠨ ᠪᠦᠳᠦᠮᠵᠢᠳᠡᠢ ᠠᠰᠢᠭᠯᠠᠯᠳᠠ  ᠶᠢᠨ ᠢᠯᠡᠳᠭᠡᠮᠵᠢ︔ ᠤᠰᠤᠨ ᠤ ᠴᠢᠳᠠᠪᠬᠢᠳᠦ ᠤᠷᠤᠨ  ᠤ ᠤᠰᠤᠨ  ᠤ ᠴᠢᠨᠠᠷ ᠢ ᠪᠠᠷᠢᠮᠵᠢᠶᠠᠨ  ᠳᠤ ᠬᠦᠷᠭᠡᠬᠦ ᠨᠤᠷᠮ᠎ᠠ᠂ ᠠᠭᠠᠷ ᠮᠠᠨᠳᠠᠯ  ᠤᠨ ᠴᠡᠪᠡᠷᠴᠡ  ᠶᠢᠨ ᠬᠦᠢᠴᠡᠳᠭᠡᠯ ᠲᠤᠭ᠎ᠠ ︵AQ1︶  ᠶᠢ ᠰᠢᠯᠢᠳᠡᠭ  ᠴᠢᠨᠠᠷ  ᠤᠨ ᠡᠳᠦᠷ  ᠤᠨ ᠲᠤᠭᠠᠨ  ᠤ ᠬᠠᠷᠢᠴᠠᠯ  ᠳᠤ ᠬᠦᠷᠭᠡᠬᠦ᠂ ᠲᠠᠷᠢᠶᠠᠨ ᠭᠠᠵᠠᠷ  ᠤᠨ ᠲᠠᠯᠠᠪᠠᠢ᠂ ᠪᠠᠶᠢᠭᠠᠯᠢ  ᠶᠢᠨ ᠬᠠᠮᠠᠭᠠᠯᠠᠯᠳᠠ  ᠶᠢᠨ ᠤᠷᠤᠨ  ᠤ ᠲᠤᠭ᠎ᠠ᠂ ᠴᠢᠬᠢᠭᠯᠢᠭ ᠭᠠᠵᠠᠷ  ᠤᠨ ᠲᠠᠯᠠᠪᠠᠢ᠂ ᠠᠮᠢ ᠠᠬᠤᠢ   ᠶᠢᠨ ᠬᠠᠮᠠᠭᠠᠯᠠᠯᠳᠠ  ᠶᠢᠨ ᠰᠡᠷᠡᠮᠵᠢ  ᠶᠢᠨ ᠱᠤᠭᠤᠮ  ᠤᠨ ᠲᠠᠯᠠᠪᠠᠢ᠂ ᠨᠡᠭᠡᠭᠡᠯᠳᠡ ᠬᠢᠬᠦ  ᠶᠢ  ᠬᠤᠷᠢᠭᠯᠠᠬᠤ ᠤᠷᠤᠨ  ᠤ ᠲᠠᠯᠠᠪᠠᠢ ᠵᠡᠷᠭᠡ  ᠶᠢ ᠪᠠᠭᠳᠠᠭᠠᠨ᠎ᠠ᠃        ᠭᠤᠷᠪᠠᠳᠤᠭᠠᠷ ᠪᠦᠯᠦᠭ     ᠬᠢᠨᠠᠨ ᠰᠢᠯᠭᠠᠬᠤ ᠲᠡᠰ ᠲᠠᠷᠠᠭ᠎ᠠ    ᠵᠢᠷᠭᠤᠳᠤᠭᠠᠷ ᠵᠤᠷᠪᠤᠰ    ᠬᠢᠨᠠᠨ ᠰᠢᠯᠭᠠᠨ ᠦᠨᠡᠯᠡᠬᠦ  ᠳᠤ ᠬᠤᠪᠢ ᠦᠭᠬᠦ ᠠᠷᠭ᠎ᠠ  ᠶᠢ  ᠬᠡᠷᠡᠭᠯᠡᠵᠦ᠂ ᠪᠦᠷᠢᠨ ᠬᠤᠪᠢ ᠨᠢ 100 ᠬᠤᠪᠢ᠃ ᠬᠢᠨᠠᠨ  ᠰᠢᠯᠭᠠᠯᠳᠠ  ᠶᠢᠨ ᠦᠷ᠎ᠡ ᠳ᠋ᠦᠩ  ᠢ ᠰᠢᠯᠢᠳᠡᠭ᠂ ᠰᠠᠶᠢᠨ᠂ ᠬᠢᠷᠢ ᠲᠡᠩᠴᠡᠬᠦ᠂ ᠦᠯᠦ ᠬᠢᠷᠢ ᠲᠡᠩᠴᠡᠬᠦ ᠲᠦᠷᠪᠡᠨ ᠲᠡᠰ ᠲᠤ ᠬᠤᠪᠢᠶᠠᠨ᠎ᠠ᠃ ᠬᠢᠨᠠᠨ ᠰᠢᠯᠭᠠᠭᠰᠠᠨ ᠬᠤᠪᠢ ᠨᠢ 90  ᠬᠤᠪᠢ ᠵᠢᠴᠢ  ᠲᠡᠬᠦᠨ ᠠᠴᠠ ᠲᠡᠭᠡᠭᠰᠢ ᠪᠠᠶᠢᠪᠠᠯ ᠰᠢᠯᠢᠳᠡᠭ ᠬᠡᠵᠦ᠂ 80  ᠬᠤᠪᠢ ᠵᠢᠴᠢ ᠲᠡᠬᠦᠨ ᠠᠴᠠ ᠲᠡᠭᠡᠭᠰᠢ 90  ᠬᠤᠪᠢ  ᠠᠴᠠ ᠲᠤᠷᠤᠭᠰᠢ ᠪᠠᠶᠢᠪᠠᠯ ᠰᠠᠶᠢᠨ ᠬᠡᠵᠦ᠂ 60  ᠬᠤᠪᠢ ᠵᠢᠴᠢ ᠲᠡᠬᠦᠨ  ᠠᠴᠠ ᠲᠡᠭᠡᠭᠰᠢ 80  ᠬᠤᠪᠢ  ᠠᠴᠠ ᠲᠤᠷᠤᠭᠰᠢᠬᠢ  ᠶᠢ ᠬᠢᠷᠢ ᠲᠡᠩᠴᠡᠬᠦ ᠬᠡᠵᠦ᠂ 60  ᠬᠤᠪᠢ  ᠠᠴᠠ ᠲᠤᠷᠤᠭᠰᠢᠬᠢ  ᠶᠢ ᠦᠯᠦ ᠬᠢᠷᠢ ᠲᠡᠩᠴᠡᠬᠦ ᠪᠠᠷ ᠲᠤᠭᠳᠠᠭᠠᠨ᠎ᠠ᠃    ᠲᠤᠯᠤᠳᠤᠭᠠᠷ ᠵᠤᠷᠪᠤᠰ     ᠬᠢᠨᠠᠨ ᠰᠢᠯᠭᠠᠭᠰᠠᠨ ᠬᠦᠢᠴᠡᠳᠭᠡᠯ ᠲᠤᠭ᠎ᠠ ᠵᠢᠴᠢ ᠬᠤᠪᠢ  ᠶᠢ ᠵᠢᠯ  ᠤᠨ ᠠᠵᠢᠯ ᠡᠬᠦᠷᠭᠡ  ᠶᠢ ᠦᠨᠳᠦᠰᠦᠯᠡᠵᠦ᠂ ᠵᠤᠬᠢᠰᠳᠠᠢ ᠲᠤᠬᠢᠷᠠᠭᠤᠯᠤᠯᠳᠠ ᠬᠢᠵᠦ ᠪᠤᠯᠤᠨ᠎ᠠ᠃    ᠨᠠᠢᠮᠠᠳᠤᠭᠠᠷ ᠵᠤᠷᠪᠤᠰ    ᠠᠮᠢ ᠠᠬᠤᠢ  ᠶᠢᠨ ᠤᠷᠴᠢᠨ ᠲᠤᠭᠤᠷᠢᠨ ᠪᠠ ᠡᠬᠢ ᠪᠠᠶᠠᠯᠢᠭ  ᠢ ᠬᠠᠮᠠᠭᠠᠯᠠᠬᠤ ᠠᠵᠢᠯ  ᠢ ᠵᠢᠯ ᠪᠦᠷᠢ ᠨᠢᠭᠡ ᠤᠳᠠᠭ᠎ᠠ ᠬᠢᠨᠠᠨ ᠰᠢᠯᠭᠠᠵᠦ᠂ ᠠᠶᠢᠮᠠᠭ  ᠤᠨ ᠠᠮᠢ ᠠᠬᠤᠢ  ᠶᠢᠨ ᠵᠦᠪᠯᠡᠯ  ᠠᠴᠠ ᠪᠤᠳᠠᠳᠠᠢ ᠠᠵᠢᠯ  ᠤᠨ ᠲᠦᠰᠦᠯ ᠪᠠ ᠬᠡᠷᠡᠭᠵᠢᠬᠦᠯᠬᠦ ᠨᠠᠷᠢᠨ ᠲᠦᠷᠢᠮ  ᠢ ᠲᠤᠭᠳᠠᠭᠠᠨ᠎ᠠ᠃   ᠶᠢᠰᠦᠳᠦᠭᠡᠷ ᠵᠤᠷᠪᠤᠰ    ᠡᠯ᠎ᠡ ᠬᠤᠰᠢᠭᠤ ᠰᠢᠶᠠᠨ ᠬᠤᠳᠠ ᠤᠷᠤᠨ ᠨᠢ ᠵᠢᠯ ᠪᠦᠷᠢ 1  ᠳ᠋ᠤᠭᠡᠷ ᠰᠠᠷ᠎ᠠ  ᠶᠢᠨ 30  ᠤ ᠡᠳᠦᠷ  ᠠᠴᠠ ᠡᠮᠦᠨ᠎ᠡ ᠲᠤᠰ ᠭᠠᠵᠠᠷ ᠤᠷᠤᠨ  ᠤ ᠪᠠᠨ ᠨᠢᠭᠡ ᠵᠢᠯ  ᠤᠨ ᠬᠢᠨᠠᠨ ᠰᠢᠯᠭᠠᠭᠰᠠᠨ ᠲᠤᠭ᠎ᠠ ᠪᠠᠷᠢᠮᠳᠠ ᠵᠢᠴᠢ ᠦᠪᠡᠷᠳᠡᠭᠡᠨ ᠪᠠᠶᠢᠴᠠᠭᠠᠭᠰᠠᠨ ᠮᠡᠳᠡᠬᠦᠯᠦᠯᠳᠡ ᠪᠠᠨ ᠠᠶᠢᠮᠠᠭ  ᠤᠨ ᠠᠮᠢ ᠠᠬᠤᠢ  ᠶᠢᠨ ᠵᠦᠪᠯᠡᠯ  ᠳᠤ ᠮᠡᠳᠡᠬᠦᠯᠦᠨ ᠬᠦᠷᠭᠡᠬᠦ ᠶᠢᠨ ᠬᠠᠮᠳᠤ ᠠᠶᠢᠮᠠᠭ  ᠤᠨ ᠬᠢᠨᠠᠨ ᠰᠢᠯᠭᠠᠬᠤ ᠠᠵᠢᠯ  ᠤᠨ ᠲᠤᠭᠤᠶᠢᠯᠠᠩ  ᠤᠨ ᠪᠦᠷᠢᠯᠳᠦᠬᠦᠨ ᠨᠢᠭᠡᠴᠡ  ᠳᠤ ᠬᠠᠭᠤᠯᠤᠨ ᠬᠦᠷᠭᠡᠨ᠎ᠡ᠃   ᠠᠷᠪᠠᠳᠤᠭᠠᠷ ᠵᠤᠷᠪᠤᠰ     ᠠᠶᠢᠮᠠᠭ  ᠤᠨ ᠬᠢᠨᠠᠨ ᠰᠢᠯᠭᠠᠬᠤ ᠠᠵᠢᠯ  ᠤᠨ ᠲᠤᠭᠤᠶᠢᠯᠠᠩ ᠨᠢ ᠦᠪᠡᠷᠳᠡᠭᠡᠨ ᠪᠠᠶᠢᠴᠠᠭᠠᠭᠰᠠᠨ ᠮᠡᠳᠡᠬᠦᠯᠦᠯᠳᠡ  ᠶᠢ ᠬᠢᠨᠠᠨ ᠪᠠᠶᠢᠴᠠᠭᠠᠵᠦ᠂ ᠡᠯ᠎ᠡ ᠬᠤᠰᠢᠭᠤ ᠰᠢᠶᠠᠨ ᠬᠤᠳᠠ ᠤᠷᠤᠨ ᠳᠤ ᠲᠤᠬᠠᠢ  ᠶᠢᠨ ᠲᠠᠯᠠᠪᠤᠷ  ᠤᠨ ᠪᠠᠶᠢᠴᠠᠭᠠᠯᠳᠠ ᠬᠢᠵᠦ᠂ ᠬᠢᠨᠠᠨ ᠰᠢᠯᠭᠠᠯᠳᠠ  ᠶᠢᠨ ᠲᠡᠰ ᠢ ᠲᠤᠭᠳᠠᠭᠠᠵᠦ᠂ ᠲᠡᠭᠡᠷ᠎ᠡ ᠨᠢᠭᠡ ᠵᠢᠯ  ᠤᠨ ᠬᠢᠨᠠᠨ  ᠰᠢᠯᠭᠠᠯᠳᠠ  ᠶᠢᠨ ᠮᠡᠳᠡᠬᠦᠯᠦᠯᠳᠡ ᠪᠤᠯᠭᠠᠨ᠎ᠠ᠃   ᠠᠷᠪᠠᠨ ᠨᠢᠭᠡᠳᠦᠭᠡᠷ ᠵᠤᠷᠪᠤᠰ     ᠠᠶᠢᠮᠠᠭ  ᠤᠨ ᠠᠮᠢ ᠠᠬᠤᠢ  ᠶᠢᠨ ᠵᠦᠪᠯᠡᠯ ᠨᠢ ᠬᠢᠨᠠᠨ ᠰᠢᠯᠭᠠᠭᠰᠠᠨ ᠮᠡᠳᠡᠬᠦᠯᠦᠯᠳᠡ  ᠶᠢ ᠡᠮᠭᠢᠳᠭᠡᠵᠦ᠂ ᠵᠢᠯ ᠪᠦᠷᠢ  ᠶᠢᠨ 2  ᠳ᠋ᠤᠭᠠᠷ ᠰᠠᠷ᠎ᠠ  ᠶᠢᠨ ᠡᠴᠦᠰ  ᠠᠴᠠ ᠡᠮᠦᠨ᠎ᠡ ᠲᠡᠭᠡᠷ᠎ᠡ ᠨᠢᠭᠡ ᠵᠢᠯ  ᠤᠨ ᠬᠢᠨᠠᠨ ᠰᠢᠯᠭᠠᠯᠳᠠ ᠶᠢᠨ ᠦᠷ᠎ᠡ ᠳ᠋ᠦᠩ  ᠢᠶᠠᠨ ᠠᠶᠢᠮᠠᠭ  ᠤᠨ ᠨᠠᠮ  ᠤᠨ ᠬᠤᠷᠢᠶ᠎ᠠ᠂ ᠵᠠᠬᠢᠷᠭ᠎ᠠ  ᠳᠤ ᠮᠡᠳᠡᠬᠦᠯᠦᠨ᠎ᠡ᠃        ᠲᠦᠷᠪᠡᠳᠦᠭᠡᠷ ᠪᠦᠯᠦᠭ     ᠬᠢᠨᠠᠨ  ᠰᠢᠯᠭᠠᠯᠳᠠ  ᠶᠢᠨ ᠦᠷ᠎ᠡ ᠳ᠋ᠦᠩ  ᠤᠨ ᠬᠡᠷᠡᠭᠯᠡᠯᠳᠡ    ᠠᠷᠪᠠᠨ ᠬᠤᠶᠠᠳᠤᠭᠠᠷ ᠵᠤᠷᠪᠤᠰ    ᠠᠶᠢᠮᠠᠭ  ᠤᠨ ᠨᠠᠮ  ᠤᠨ ᠬᠤᠷᠢᠶ᠎ᠠ᠂ ᠵᠠᠬᠢᠷᠭ᠎ᠠ  ᠶᠢᠨ ᠬᠢᠨᠠᠨ ᠲᠤᠭᠳᠠᠭᠠᠭᠰᠠᠨ ᠤᠨ  ᠤ ᠬᠢᠨᠠᠨ ᠰᠢᠯᠭᠠᠯᠳᠠ  ᠶᠢᠨ ᠦᠷ᠎ᠡ ᠳ᠋ᠦᠩ  ᠢ ᠠᠶᠢᠮᠠᠭ ᠤᠨ ᠨᠠᠮ  ᠤᠨ ᠬᠤᠷᠢᠶᠠᠨ  ᠤ ᠵᠤᠬᠢᠶᠠᠨ ᠪᠠᠶᠢᠭᠤᠯᠬᠤ ᠬᠡᠯᠳᠡᠰ ᠲᠤ ᠲᠤᠰᠢᠶᠠᠵᠦ᠂ ᠡᠯ᠎ᠡ ᠬᠤᠰᠢᠭᠤ ᠰᠢᠶᠠᠨ ᠬᠤᠳᠠ ᠤᠷᠤᠨ  ᠤ ᠨᠠᠮ ᠵᠠᠰᠠᠭ  ᠤᠨ ᠤᠳᠤᠷᠢᠳᠬᠤ ᠪᠠᠭ ᠪᠠ ᠭᠤᠤᠯ ᠤᠳᠤᠷᠢᠳᠤᠯᠭ᠎ᠠ  ᠶᠢᠨ ᠶᠡᠷᠦᠩᠭᠡᠶᠢᠯᠡᠭᠰᠡᠨ ᠬᠢᠨᠠᠨ ᠰᠢᠯᠭᠠᠯᠳᠠ  ᠶᠢᠨ ᠴᠢᠬᠤᠯᠠ ᠦᠨᠳᠦᠰᠦᠯᠡᠯ ᠪᠤᠯᠭᠠᠨ᠎ᠠ᠃   ᠠᠷᠪᠠᠨ ᠭᠤᠷᠪᠠᠳᠤᠭᠠᠷ ᠵᠤᠷᠪᠤᠰ     ᠬᠢᠨᠠᠨ  ᠰᠢᠯᠭᠠᠯᠳᠠ ᠶᠢᠨ ᠦᠷ᠎ᠡ ᠳ᠋ᠦᠩ ᠨᠢ ᠰᠢᠯᠢᠳᠡᠭ ᠭᠠᠵᠠᠷ ᠤᠷᠤᠨ ᠢ ᠠᠶᠢᠮᠠᠭ  ᠤᠨ ᠨᠠᠮ  ᠤᠨ ᠬᠤᠷᠢᠶ᠎ᠠ᠂ ᠵᠠᠬᠢᠷᠭ᠎ᠠ  ᠠᠴᠠ ᠮᠡᠳᠡᠭᠡᠯᠡᠨ ᠰᠠᠶᠢᠰᠢᠶᠠᠨ᠎ᠠ᠃    ᠠᠷᠪᠠᠨ ᠲᠦᠷᠪᠡᠳᠦᠭᠡᠷ ᠵᠤᠷᠪᠤᠰ    ᠬᠢᠨᠠᠨ ᠰᠢᠯᠭᠠᠯᠳᠠ  ᠶᠢᠨ ᠦᠷ᠎ᠡ ᠳ᠋ᠦᠩ ᠨᠢ ᠬᠢᠷᠢ ᠲᠡᠩᠴᠡᠬᠦ ᠦᠭᠡᠢ ᠪᠤᠶᠤ ᠬᠢᠨᠠᠨ ᠰᠢᠯᠭᠠᠯᠳᠠ  ᠶᠢᠨ ᠲᠤᠮᠳᠠ ᠠᠰᠠᠭᠤᠳᠠᠯ  ᠢᠯᠡᠷᠡᠭᠰᠡᠨ ᠪᠤᠯ᠂ ᠠᠶᠢᠮᠠᠭ  ᠤᠨ ᠨᠠᠮ  ᠤᠨ ᠬᠤᠷᠢᠶᠠᠨ  ᠤ ᠵᠤᠬᠢᠶᠠᠨ ᠪᠠᠶᠢᠭᠤᠯᠬᠤ ᠬᠡᠯᠳᠡᠰ᠂ ᠠᠶᠢᠮᠠᠭ  ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠤᠪᠴᠢᠶ᠎ᠠ  ᠠᠴᠠ ᠬᠠᠮᠢᠶ᠎ᠠ ᠪᠦᠬᠦᠢ ᠰᠠᠯᠠᠭ᠎ᠠ ᠮᠦᠴᠢᠷ  ᠢ ᠵᠤᠬᠢᠴᠠᠭᠤᠯᠵᠦ᠂ ︽ᠰᠢᠯᠢ  ᠶᠢᠨ ᠭᠤᠤᠯ ᠠᠶᠢᠮᠠᠭ  ᠤᠨ ᠤᠳᠤᠷᠢᠳᠬᠤ ᠺᠠᠳ᠋ᠷ ᠤᠨ ᠠᠮᠢ ᠠᠬᠤᠢ  ᠶᠢᠨ ᠤᠷᠴᠢᠨ ᠲᠤᠭᠤᠷᠢᠨ  ᠢ ᠡᠪᠳᠡᠭᠰᠡᠨ ᠬᠠᠷᠢᠭᠤᠴᠠᠯᠭ᠎ᠠ ᠨᠡᠭᠡᠮᠵᠢᠯᠡᠬᠦ ᠠᠷᠭ᠎ᠠ ︵ᠲᠤᠷᠰᠢᠨ ᠬᠡᠷᠡᠭᠵᠢᠬᠦᠯᠬᠦ︶︾ ᠪᠠᠷ ᠬᠠᠷᠢᠭᠤᠴᠠᠯᠭ᠎ᠠ ᠠᠰᠠᠭᠤᠨ᠎ᠠ᠃    ᠠᠷᠪᠠᠨ ᠲᠠᠪᠤᠳᠤᠭᠠᠷ ᠵᠤᠷᠪᠤᠰ     ᠬᠤᠰᠢᠭᠤ ᠰᠢᠶᠠᠨ ᠬᠤᠳᠠ ᠤᠷᠤᠨ ᠨᠢ ᠲᠤᠰ ᠠᠷᠭ᠎ᠠ  ᠶᠢ ᠦᠨᠳᠦᠰᠦᠯᠡᠵᠦ ᠂ ᠲᠤᠬᠠᠢ  ᠶᠢᠨ ᠭᠠᠵᠠᠷ  ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠵᠠᠰᠠᠭ ᠵᠠᠬᠢᠷᠭᠠᠨ  ᠤ ᠤᠷᠤᠨ  ᠤ   ᠪᠠᠨ ᠬᠢᠨᠠᠨ ᠰᠢᠯᠭᠠᠬᠤ ᠠᠷᠭ᠎ᠠ  ᠶᠢ  ᠲᠤᠭᠳᠠᠭᠠᠨ᠎ᠠ᠃    ᠠᠷᠪᠠᠨ ᠵᠢᠷᠭᠤᠳᠤᠭᠠᠷ ᠵᠤᠷᠪᠤᠰ     ᠲᠤᠰ ᠠᠷᠭ᠎ᠠ  ᠶᠢ ᠠᠶᠢᠮᠠᠭ  ᠤᠨ ᠠᠮᠢ ᠠᠬᠤᠢ  ᠶᠢᠨ ᠵᠦᠪᠯᠡᠯ  ᠠᠴᠠ ᠬᠠᠷᠢᠭᠤᠴᠠᠨ ᠲᠠᠶᠢᠯᠪᠤᠷᠢᠯᠠᠨ᠎ᠠ᠃    ᠠᠷᠪᠠᠨ ᠲᠤᠯᠤᠳᠤᠭᠠᠷ ᠵᠤᠷᠪᠤᠰ     ᠲᠤᠰ ᠠᠷᠭ᠎ᠠ  ᠶᠢ ᠨᠡᠶᠢᠳᠡᠯᠡᠭᠰᠡᠨ ᠡᠳᠦᠷ  ᠠᠴᠠ ᠡᠬᠢᠯᠡᠵᠦ ᠬᠡᠷᠡᠭᠵᠢᠬᠦᠯᠦᠨ᠎ᠡ᠃
 
ᠢᠷᠡᠯᠲᠡ᠄ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ ᠠᠯᠪᠠᠨ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号