︽ᠰᠢᠯᠢ ᠶᠢᠨ ᠭᠤᠤᠯ ᠠᠶᠢᠮᠠᠭ ᠤᠨ ᠠᠯᠪᠠᠨ ᠤ ᠲᠡᠷᠭᠡ ᠬᠡᠷᠡᠭᠯᠡᠬᠦ ᠲᠦᠷᠢᠮ ᠤᠨ ᠦᠭᠡᠷᠡᠴᠢᠯᠡᠯᠳᠡ  ᠶᠢᠨ ᠬᠡᠷᠡᠭᠵᠢᠬᠦᠯᠬᠦ ᠲᠦᠰᠦᠯ︾ ᠢ ᠲᠠᠷᠤᠮᠠᠯᠯᠠᠨ ᠲᠠᠷᠬᠠᠭᠠᠬᠤ   ᠲᠤᠬᠠᠢ   ᠲᠤᠮᠳᠠᠳᠤ   ᠤᠯᠤᠰ   ᠤᠨ   ᠡᠪ   ᠬᠠᠮᠳᠤ   ᠨᠠᠮ  ᠤᠨ   ᠰᠢᠯᠢ  ᠶᠢᠨ   ᠭᠤᠤᠯ   ᠠᠶᠢᠮᠠᠭ  ᠤᠨ ᠬᠤᠷᠢᠶᠠᠨ   ᠤ   ᠠᠯᠪᠠᠨ   ᠲᠢᠩᠬᠢᠮ   ᠰᠢᠯᠢ  ᠶᠢᠨ   ᠭᠤᠤᠯ   ᠠᠶᠢᠮᠠᠭ  ᠤᠨ ᠵᠠᠬᠢᠷᠭ᠎ᠠ  ᠶᠢᠨ   ᠠᠯᠪᠠᠨ   ᠲᠢᠩᠬᠢᠮ    ᠤᠨ   ᠮᠡᠳᠡᠭᠳᠡᠯ
ᠨᠡᠶᠢᠲᠡᠯᠡᠭᠰᠡᠨ ᠴᠠᠭ᠄
2016-07-19
            ᠰᠢᠯᠢ ᠨᠠᠮ ᠠᠯᠪᠠᠨ ᠲᠠᠷᠬᠠᠭᠠᠭᠰᠠᠨ 〔2016〕18 ᠳ᠋ᠤᠭᠠᠷ ᠲᠤᠭᠠᠳᠦ       ︽ᠰᠢᠯᠢ ᠶᠢᠨ ᠭᠤᠤᠯ ᠠᠶᠢᠮᠠᠭ ᠤᠨ ᠠᠯᠪᠠᠨ ᠤ ᠲᠡᠷᠭᠡ ᠬᠡᠷᠡᠭᠯᠡᠬᠦ ᠲᠦᠷᠢᠮ ᠤᠨ         ᠦᠭᠡᠷᠡᠴᠢᠯᠡᠯᠳᠡ  ᠶᠢᠨ ᠬᠡᠷᠡᠭᠵᠢᠬᠦᠯᠬᠦ ᠲᠦᠰᠦᠯ︾ ᠢ ᠲᠠᠷᠤᠮᠠᠯᠯᠠᠨ           ᠲᠠᠷᠬᠠᠭᠠᠬᠤ   ᠲᠤᠬᠠᠢ   ᠲᠤᠮᠳᠠᠳᠤ   ᠤᠯᠤᠰ   ᠤᠨ   ᠡᠪ   ᠬᠠᠮᠳᠤ   ᠨᠠᠮ           ᠤᠨ   ᠰᠢᠯᠢ  ᠶᠢᠨ ᠭᠤᠤᠯ   ᠠᠶᠢᠮᠠᠭ  ᠤᠨ ᠬᠤᠷᠢᠶᠠᠨ   ᠤ   ᠠᠯᠪᠠᠨ           ᠲᠢᠩᠬᠢᠮ   ᠰᠢᠯᠢ   ᠶᠢᠨ   ᠭᠤᠤᠯ ᠠᠶᠢᠮᠠᠭ  ᠤᠨ   ᠵᠠᠬᠢᠷᠭ᠎ᠠ  ᠶᠢᠨ           ᠠᠯᠪᠠᠨ   ᠲᠢᠩᠬᠢᠮ   ᠤᠨ   ᠮᠡᠳᠡᠭᠳᠡᠯ

ᠡᠯ᠎ᠡ ᠬᠤᠰᠢᠭᠤ ᠰᠢᠶᠠᠨ ᠬᠤᠳᠠ ︵ᠤᠷᠤᠨ︶  ᠶᠢᠨ ᠨᠠᠮ  ᠤᠨ ᠬᠤᠷᠢᠶ᠎ᠠ᠂ ᠵᠠᠰᠠᠭ  ᠤᠨ ᠤᠷᠳᠤᠨ ︵ᠬᠠᠮᠢᠶᠠᠷᠤᠯᠳᠠ

 ᠶᠢᠨ ᠵᠦᠪᠯᠡᠯ︶᠂ ᠠᠶᠢᠮᠠᠭ  ᠤᠨ ᠡᠯ᠎ᠡ ᠬᠡᠯᠳᠡᠰ᠂ ᠵᠦᠪᠯᠡᠯ᠂ ᠠᠯᠪᠠᠨ ᠬᠡᠷ᠂ ᠲᠤᠪᠴᠢᠶ᠎ᠠ ᠪᠠ ᠠᠷᠠᠳ  ᠤᠨ

ᠪᠦᠯᠬᠦᠮ ᠤᠳ ᠲᠤ᠄

        ︽ᠰᠢᠯᠢ  ᠶᠢᠨ ᠭᠤᠤᠯ ᠠᠶᠢᠮᠠᠭ  ᠤᠨ ᠠᠯᠪᠠᠨ  ᠤ ᠲᠡᠷᠭᠡ ᠬᠡᠷᠡᠭᠯᠡᠬᠦ ᠦᠭᠡᠷᠡᠴᠢᠯᠡᠯᠳᠡ  ᠶᠢᠨ ᠬᠡᠷᠡᠭᠵᠢᠬᠦᠯᠬᠦ

ᠲᠦᠰᠦᠯ︾ ︵ᠲᠤᠷᠤᠭᠰᠢ ᠬᠡᠷᠡᠭᠵᠢᠬᠦᠯᠬᠦ ᠲᠦᠰᠦᠯ ᠬᠡᠵᠦ ᠲᠦᠬᠦᠮᠴᠢᠯᠡᠨ᠎ᠡ︶ ᠢ ᠨᠢᠭᠡᠨᠳᠡ ᠦᠪᠡᠷᠳᠡᠭᠡᠨ ᠵᠠᠰᠠᠬᠤ

ᠤᠷᠤᠨ  ᠤ ᠠᠯᠪᠠᠨ  ᠤ ᠲᠡᠷᠭᠡ ᠬᠡᠷᠡᠭᠯᠡᠬᠦ ᠦᠭᠡᠷᠡᠴᠢᠯᠡᠯᠳᠡ  ᠶᠢᠨ ᠤᠳᠤᠷᠢᠳᠬᠤ ᠲᠤᠭᠤᠶᠢᠯᠠᠩ  ᠢᠶᠠᠷ

ᠵᠦᠪᠰᠢᠶᠡᠷᠡᠬᠦᠯᠵᠦ᠂ ᠤᠳᠤ ᠲᠠᠨᠠᠷ  ᠲᠤ ᠲᠠᠷᠤᠮᠠᠯᠯᠠᠨ ᠲᠠᠷᠬᠠᠭᠠᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠦ᠂

ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠦᠭᠡᠷᠡᠢ᠃

      ᠨᠢᠭᠡ᠂ ᠠᠯᠪᠠᠨ ᠤ ᠲᠡᠷᠭᠡ ᠬᠡᠷᠡᠭᠯᠡᠬᠦ ᠦᠭᠡᠷᠡᠴᠢᠯᠡᠯᠳᠡ  ᠶᠢᠨ ᠴᠢᠬᠤᠯᠠ ᠠᠴᠢ ᠬᠤᠯᠪᠤᠭᠳᠠᠯ  ᠢ ᠬᠦᠢᠴᠡᠳ

ᠲᠠᠨᠢᠬᠤ ᠬᠡᠷᠡᠭᠳᠡᠢ᠃ ᠠᠯᠪᠠᠨ  ᠤ ᠲᠡᠷᠭᠡ   ᠬᠡᠷᠡᠭᠯᠡᠬᠦ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠬᠤ ᠪᠤᠯ ᠨᠠᠮ

 ᠤᠨ ᠰᠤᠷᠳᠠᠯ ᠠᠷᠢᠭᠤᠨ ᠴᠢᠭᠴᠦ  ᠶᠢᠨ ᠪᠠᠶᠢᠭᠤᠯᠤᠯᠳᠠ  ᠶᠢ ᠴᠢᠩᠭᠠᠳᠬᠠᠨ ᠠᠷᠪᠢᠯᠠᠨ ᠭᠠᠮᠨᠠᠬᠤ ᠴᠢᠬᠤᠯᠠ ᠠᠷᠭ᠎ᠠ

ᠬᠡᠮᠵᠢᠶ᠎ᠡ ᠮᠦᠨ᠂ ᠵᠠᠰᠠᠭ  ᠤᠨ ᠤᠷᠳᠤᠨ  ᠤ ᠡᠬᠦᠷᠭᠡ ᠴᠢᠳᠠᠪᠬᠢ ᠪᠠᠨ ᠬᠤᠪᠢᠷᠠᠭᠤᠯᠤᠨ᠂ ᠠᠷᠤ ᠲᠠᠯ᠎ᠠ  ᠶᠢᠨ

ᠦᠢᠯᠡᠴᠢᠯᠡᠭᠡᠨ  ᠤ ᠨᠡᠶᠢᠭᠡᠮᠴᠢᠯᠡᠭᠰᠡᠨ ᠦᠭᠡᠷᠡᠴᠢᠯᠡᠯᠳᠡ  ᠶᠢ ᠠᠬᠢᠭᠤᠯᠬᠤ ᠴᠢᠬᠤᠯᠠ ᠠᠭᠤᠯᠭ᠎ᠠ ᠮᠦᠨ᠂   ᠨᠠᠮ ᠤᠨ

ᠬᠤᠷᠢᠶ᠎ᠠ᠂ ᠵᠠᠰᠠᠭ  ᠤᠨ ᠤᠷᠳᠤᠨ  ᠤ ᠲᠦᠷᠢ ᠲᠦᠷᠬᠦ  ᠶᠢ ᠬᠠᠮᠠᠭᠠᠯᠠᠬᠤ ᠪᠠᠴᠢᠮ ᠱᠠᠭᠠᠷᠳᠠᠯᠭ᠎ᠠ ᠮᠦᠨ᠃ ᠡᠯ᠎ᠡ

ᠭᠠᠵᠠᠷ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠰᠢ ᠶᠢᠨ ᠫᠢᠩ ᠶᠡᠷᠦᠩᠭᠡᠢ ᠱᠦᠵᠢ᠂ ᠯᠢ ᠺᠧ ᠴᠢᠶᠠᠩ

ᠶᠡᠷᠦᠩᠭᠡᠢ ᠰᠠᠶᠢᠳ  ᠤᠨ ᠴᠢᠬᠤᠯᠠ ᠵᠢᠭᠠᠪᠤᠷᠢ  ᠶᠢᠨ ᠵᠤᠷᠢᠭ ᠰᠠᠨᠠᠭ᠎ᠠ  ᠶᠢ ᠬᠦᠨᠵᠡᠭᠡᠢ ᠤᠶᠢᠯᠠᠭᠠᠨ᠂ ᠲᠦᠪ ᠬᠤᠷᠢᠶ᠎ᠠ

ᠪᠠ ᠦᠪᠡᠷᠳᠡᠭᠡᠨ ᠵᠠᠰᠠᠬᠤ ᠤᠷᠤᠨ  ᠤ ᠪᠢᠴᠢᠭ ᠮᠠᠲ᠋ᠧᠷᠢᠶᠠᠯ  ᠤᠨ ᠵᠤᠷᠢᠭ ᠰᠠᠨᠠᠭ᠎ᠠ  ᠶᠢ ᠬᠦᠨᠵᠡᠭᠡᠢ ᠰᠤᠷᠤᠯᠴᠠᠨ

ᠤᠶᠢᠯᠠᠭᠠᠵᠦ᠂ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠴᠢᠬᠤᠯᠠ ᠠᠴᠢ ᠬᠤᠯᠪᠤᠭᠳᠠᠯ

 ᠢ ᠬᠦᠢᠴᠡᠳ ᠲᠠᠨᠢᠵᠦ᠂ ︽ᠬᠡᠷᠡᠭᠵᠢᠬᠦᠯᠬᠦ ᠲᠦᠰᠦᠯ︾  ᠤᠨ ᠱᠠᠭᠠᠷᠳᠠᠯᠭ᠎ᠠ ᠪᠠᠷ᠂ ᠦᠨᠡᠨᠬᠦ ᠪᠦᠳᠦᠮᠵᠢᠳᠡᠢ ᠠᠷᠭ᠎ᠠ

ᠬᠡᠮᠵᠢᠶ᠎ᠡ ᠠᠪᠴᠦ ᠦᠭᠡᠷᠡᠴᠢᠯᠡᠯᠳᠡ  ᠶᠢᠨ ᠠᠯᠬᠤᠴᠠ ᠶᠢ ᠲᠦᠷᠭᠡᠳᠭᠡᠨ᠂ ᠠᠯᠪᠠᠨ  ᠤ ᠲᠡᠷᠭᠡᠨ  ᠤ ᠬᠡᠷᠡᠭᠯᠡᠬᠦ  ᠳᠤ

ᠲᠦᠬᠦᠮ ᠵᠤᠬᠢᠰᠳᠠᠢ᠂ ᠵᠠᠮ ᠬᠠᠷᠢᠯᠴᠠᠭᠠᠨ  ᠤ ᠰᠦᠢᠳᠭᠡᠯ  ᠢ ᠠᠷᠪᠢᠯᠠᠨ ᠬᠢᠵᠠᠭᠠᠷᠯᠠᠬᠤ᠂ ᠲᠡᠷᠭᠡᠨ  ᠤ ᠬᠠᠮᠢᠶᠠᠷᠤᠯᠳᠠ

ᠢᠯᠡ ᠲᠤᠳᠤ ᠵᠢᠷᠤᠮᠵᠢᠯ ᠲᠠᠢ᠂ ᠬᠢᠨᠠᠨ ᠬᠠᠮᠢᠶᠠᠷᠤᠯᠳᠠ ᠬᠠᠷᠢᠭᠤᠴᠠᠯᠭ᠎ᠠ ᠠᠰᠠᠭᠤᠯᠳᠠ ᠰᠢᠨᠵᠢᠯᠡᠬᠦ ᠤᠬᠠᠭᠠᠨᠴᠢ ᠦᠷ᠎ᠡ

ᠠᠰᠢᠭᠳᠠᠢ ᠪᠠᠶᠢᠬᠤ  ᠶᠢ ᠪᠠᠳᠤᠯᠠᠵᠦ᠂ ᠮᠠᠨ  ᠤ ᠠᠶᠢᠮᠠᠭ  ᠤᠨ ᠪᠤᠳᠠᠳᠤ ᠪᠠᠶᠢᠳᠠᠯ ᠳᠤ ᠨᠡᠶᠢᠴᠡᠭᠰᠡᠨ ᠰᠢᠨ᠎ᠡ ᠬᠡᠯᠪᠡᠷᠢ

 ᠶᠢᠨ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ ᠬᠠᠷᠠᠯᠳᠠ ᠱᠠᠭᠠᠷᠳᠠᠯᠭ᠎ᠠ  ᠶᠢ ᠦᠨᠳᠦᠰᠦᠨ ᠳᠡᠭᠡᠨ

ᠪᠦᠷᠢᠯᠳᠦᠬᠦᠯᠦᠨ᠎ᠡ᠃

      ᠬᠤᠶᠠᠷ᠂ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠦ᠂ ᠦᠭᠡᠷᠡᠴᠢᠯᠡᠯᠳᠡ  ᠶᠢᠨ ᠲᠦᠰᠦᠯ

 ᠤᠨ ᠨᠠᠶᠢᠳᠠᠪᠤᠷᠢᠵᠢᠭᠤᠯᠤᠯᠳᠠ ᠶᠢ ᠨᠠᠷᠢᠨ ᠬᠢᠨᠠᠮᠠᠭᠠᠢ ᠰᠠᠶᠢᠳᠤᠷ ᠠᠳᠬᠤᠬᠤ ᠬᠡᠷᠡᠭᠳᠡᠢ᠃ ᠡᠯ᠎ᠡ ᠭᠠᠵᠠᠷ ᠡᠯ᠎ᠡ

ᠬᠤᠯᠪᠤᠭᠳᠠᠯ ᠪᠦᠬᠦᠢ ᠰᠠᠯᠠᠭ᠎ᠠ ᠮᠦᠴᠢᠷ  ᠤᠨ ᠭᠤᠤᠯ ᠬᠠᠷᠢᠭᠤᠴᠠᠯᠭᠠᠳᠠᠨ ᠨᠢ ᠲᠤᠰ ᠭᠠᠵᠠᠷ ᠲᠤᠰ ᠰᠠᠯᠠᠭ᠎ᠠ ᠮᠦᠴᠢᠷ

 ᠤᠨ  ᠢᠶᠠᠨ ᠠᠯᠪᠠᠨ  ᠤ ᠲᠡᠷᠭᠡ   ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠠᠵᠢᠯ  ᠤᠨ ᠶᠡᠷᠦᠩᠭᠡᠢ

ᠬᠠᠷᠢᠭᠤᠴᠠᠯᠭ᠎ᠠ  ᠶᠢ ᠡᠬᠦᠷᠭᠡᠯᠡᠵᠦ᠂ ᠲᠤᠰᠬᠠᠢ ᠪᠠᠶᠢᠭᠤᠯᠤᠮᠵᠢ ᠪᠠ ᠠᠵᠢᠯᠳᠠᠨ ᠲᠤᠭᠳᠠᠭᠠᠵᠦ᠂ ᠬᠤᠯᠪᠤᠭᠳᠠᠯ ᠪᠦᠬᠦᠢ

ᠦᠭᠡᠷᠡᠴᠢᠯᠡᠯᠳᠡ  ᠶᠢᠨ ᠠᠵᠢᠯ  ᠢ ᠠᠬᠢᠭᠤᠯᠤᠨ᠂ ᠲᠦᠰᠦᠯ  ᠢ ᠨᠠᠶᠢᠳᠠᠪᠤᠷᠢᠵᠢᠭᠤᠯᠤᠨ᠂ ᠠᠵᠢᠯ  ᠢᠶᠠᠨ

ᠵᠤᠬᠢᠴᠠᠭᠤᠯᠤᠨ ᠠᠬᠢᠭᠤᠯᠬᠤ  ᠶᠢ ᠨᠠᠷᠢᠨ ᠬᠢᠨᠠᠮᠠᠭᠠᠢ ᠰᠠᠶᠢᠳᠤᠷ ᠠᠳᠬᠤᠵᠦ᠂ ᠦᠭᠡᠷᠡᠴᠢᠯᠡᠯᠳᠡ  ᠶᠢᠨ ᠲᠤᠮᠳᠠ ᠭᠠᠷᠬᠤ

ᠠᠰᠠᠭᠤᠳᠠᠯ  ᠢ ᠴᠠᠭ ᠲᠤᠬᠠᠢ ᠳᠤᠨᠢ ᠰᠢᠢᠳᠪᠤᠷᠢᠯᠡᠵᠦ᠂ ︽ᠬᠡᠷᠡᠭᠵᠢᠬᠦᠯᠬᠦ ᠲᠦᠰᠦᠯ︾  ᠳᠤ ᠲᠤᠭᠳᠠᠭᠠᠭᠰᠠᠨ

ᠠᠯᠬᠤᠮ ᠲᠠᠷᠠᠭ᠎ᠠ᠂ ᠪᠠᠷᠢᠮᠵᠢᠶ᠎ᠠ ᠪᠠ ᠴᠠᠭ  ᠤᠨ ᠬᠢᠵᠠᠭᠠᠷᠯᠠᠯ  ᠢᠶᠠᠷ ᠡᠯ᠎ᠡ ᠵᠦᠢᠯ  ᠤᠨ ᠦᠭᠡᠷᠡᠴᠢᠯᠡᠯᠳᠡ  ᠶᠢᠨ

ᠡᠬᠦᠷᠭᠡ  ᠶᠢ ᠠᠬᠢᠭᠤᠯᠬᠤ  ᠶᠢ ᠱᠠᠭᠠᠷᠳᠠᠵᠦ᠂ ᠲᠡᠷᠭᠡ  ᠶᠢ   ᠪᠢᠳᠡᠬᠦᠮᠵᠢᠯᠡᠨ ᠲᠤᠰᠢᠶᠠᠬᠤ᠂ ᠵᠢᠯᠤᠭᠤᠴᠢ ᠠᠵᠢᠯᠳᠠᠨ  ᠢ

ᠲᠦᠪᠬᠢᠨᠡᠬᠦᠯᠬᠦ᠂ ᠨᠦᠬᠦᠪᠤᠷᠢ ᠦᠭᠬᠦ ᠵᠢᠴᠢ ᠦᠭᠡᠷᠡᠴᠢᠯᠡᠯᠳᠡ  ᠶᠢᠨ ᠲᠠᠷᠠᠭ᠎ᠠ ᠠᠯᠪᠠᠨ ᠳᠤ ᠲᠡᠷᠭᠡ ᠬᠡᠷᠡᠭᠯᠡᠬᠦ  ᠶᠢ

ᠪᠠᠳᠤᠯᠠᠬᠤ ᠵᠡᠷᠭᠡ ᠠᠵᠢᠯ  ᠢ ᠦᠨᠡᠨᠬᠦ ᠰᠠᠶᠢᠳᠤᠷ ᠬᠢᠬᠦ ᠬᠡᠷᠡᠭᠳᠡᠢ᠃ ᠦᠯᠡᠳᠡᠭᠡᠬᠦ ᠲᠡᠷᠭᠡᠨ ᠤ ᠤᠷᠤᠨ ᠲᠤᠭᠠᠨ  ᠤ

ᠬᠠᠮᠢᠶᠠᠷᠤᠯᠳᠠ  ᠶᠢ ᠴᠢᠩᠭᠠᠳᠬᠠᠵᠦ᠂ ᠡᠳᠦᠷ ᠲᠤᠳᠤᠮ  ᠤᠨ ᠬᠠᠮᠢᠶᠠᠷᠤᠯᠳᠠ  ᠶᠢᠨ ᠲᠦᠷᠢᠮ  ᠢ ᠪᠦᠷᠢᠨᠰᠢᠬᠦᠯᠵᠦ︔

ᠰᠢᠢᠳᠪᠤᠷᠢᠯᠡᠬᠦ ᠲᠡᠷᠭᠡ ᠪᠠᠨ ᠵᠢᠷᠤᠮᠵᠢᠯ ᠲᠠᠢ ᠢᠯᠡ ᠪᠠᠶᠢᠯᠭᠠᠵᠦ᠂ ᠤᠯᠤᠰ  ᠤᠨ ᠡᠳ᠋ ᠬᠦᠷᠦᠩᠭᠡ  ᠶᠢ

ᠠᠯᠳᠠᠭᠳᠠᠭᠤᠯᠬᠤ  ᠠᠴᠠ ᠵᠠᠶᠢᠯᠠᠰᠬᠢᠨ᠎ᠠ᠃ ᠪᠦᠬᠦ ᠠᠶᠢᠮᠠᠭ  ᠤᠨ ᠡᠯ᠎ᠡ ᠱᠠᠳᠤᠨ  ᠤ ᠨᠠᠮ ᠵᠠᠰᠠᠭ  ᠤᠨ ᠪᠠᠶᠢᠭᠤᠯᠭ᠎ᠠ

ᠪᠠ ᠠᠯᠪᠠᠳᠠᠨ  ᠤ ᠬᠠᠤᠯᠢ ᠪᠠᠷ ᠯᠠᠪᠯᠠᠯᠳᠠ ᠪᠤᠯᠭᠠᠨ ᠬᠠᠮᠢᠶᠠᠷᠴᠦ ᠪᠠᠶᠢᠭ᠎ᠠ ᠠᠵᠢᠯ ᠦᠢᠯᠡᠰ  ᠤᠨ ᠨᠢᠭᠡᠴᠡ  ᠶᠢᠨ

ᠠᠯᠪᠠᠨ  ᠤ ᠲᠡᠷᠭᠡ ᠬᠡᠷᠡᠭᠯᠡᠬᠦ ᠦᠭᠡᠷᠡᠴᠢᠯᠡᠯᠳᠡ  ᠶᠢ 2016 ᠤᠨ  ᠤ 6   ᠳ᠋ᠤᠭᠠᠷ ᠰᠠᠷ᠎ᠠ ᠶᠢᠨ ᠡᠴᠦᠰ ᠠᠴᠠ

ᠡᠮᠦᠨ᠎ᠡ ᠦᠨᠳᠦᠰᠦᠨ ᠳᠡᠭᠡᠨ ᠪᠡᠶᠡᠯᠡᠬᠦᠯᠦᠨ᠎ᠡ᠃

        ᠭᠤᠷᠪᠠ᠂ ᠶᠠᠷᠢᠶ᠎ᠠ ᠬᠡᠯᠡᠯᠴᠡᠭᠡᠨ  ᠤ ᠵᠢᠯᠤᠭᠤᠳᠤᠯᠭ᠎ᠠ  ᠶᠢ ᠴᠢᠩᠭᠠᠳᠬᠠᠵᠦ᠂ ᠠᠵᠢᠯ  ᠤᠨ ᠰᠠᠬᠢᠯᠭ᠎ᠠ ᠪᠠᠳᠤ

 ᠶᠢ ᠴᠢᠩᠭᠠᠯᠠᠬᠤ ᠬᠡᠷᠡᠭᠳᠡᠢ᠃ ᠡᠯ᠎ᠡ ᠭᠠᠵᠠᠷ  ᠤᠨ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠠᠯᠪᠠᠨ ᠤ ᠲᠡᠷᠭᠡ

ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢ ᠤᠬᠠᠭᠤᠯᠬᠤ ᠠᠵᠢᠯ  ᠢ ᠦᠨᠡᠨᠬᠦ ᠴᠢᠩᠭᠠᠳᠬᠠᠵᠦ᠂ ᠠᠯᠪᠠᠨ  ᠤ

ᠲᠡᠷᠭᠡᠨ  ᠤ ᠦᠭᠡᠷᠡᠴᠢᠯᠡᠯᠳᠡ ᠶᠢᠨ ᠬᠤᠯᠪᠤᠭᠳᠠᠯ ᠪᠦᠬᠦᠢ ᠲᠦᠷᠦ  ᠶᠢᠨ ᠪᠤᠳᠤᠯᠭ᠎ᠠ ᠲᠤᠭᠳᠠᠭᠠᠯ  ᠢ ᠦᠷᠭᠡᠨ

ᠲᠡᠯᠭᠡᠷᠡᠩᠬᠦᠢ ᠤᠬᠠᠭᠤᠯᠵᠦ᠂ ᠦᠭᠡᠷᠡᠴᠢᠯᠡᠯᠳᠡ  ᠶᠢᠨ ᠵᠤᠷᠢᠯᠭ᠎ᠠ ᠪᠠ ᠠᠴᠢ ᠬᠤᠯᠪᠤᠭᠳᠠᠯ  ᠢ ᠲᠠᠶᠢᠯᠪᠤᠷᠢᠯᠠᠵᠦ᠂

ᠦᠭᠡᠷᠡᠴᠢᠯᠡᠯᠳᠡ  ᠶᠢᠨ ᠠᠬᠢᠴᠠ ᠪᠠ ᠦᠷ᠎ᠡ ᠠᠰᠢᠭ  ᠢ ᠪᠦᠬᠦ ᠲᠠᠯ᠎ᠠ ᠪᠠᠷ ᠲᠠᠨᠢᠯᠴᠠᠭᠤᠯᠵᠦ᠂ ᠺᠠᠳ᠋ᠷ ᠠᠵᠢᠯᠳᠠᠨ ᠵᠢᠴᠢ

ᠨᠡᠶᠢᠭᠡᠮ ᠤᠨ ᠠᠩᠬᠠᠷᠤᠯ  ᠢ ᠴᠠᠭ ᠲᠤᠬᠠᠢ ᠳᠤᠨᠢ ᠲᠤᠰᠬᠠᠵᠦ᠂ ᠦᠷᠭᠡᠨ ᠤᠯᠠᠨ ᠠᠯᠪᠠᠨ  ᠤ ᠬᠦᠮᠦᠰ ᠪᠠ ᠠᠷᠠᠳ

ᠤᠯᠠᠨ ᠲᠦᠮᠡᠨ  ᠢᠶᠠᠷ ᠦᠭᠡᠷᠡᠴᠢᠯᠡᠯᠳᠡ  ᠶᠢ ᠤᠶᠢᠯᠠᠭᠠᠭᠤᠯᠤᠨ ᠲᠡᠮᠵᠢᠬᠦᠯᠵᠦ᠂ ᠦᠭᠡᠷᠡᠴᠢᠯᠡᠯᠳᠡ  ᠳᠤ ᠤᠬᠢ ᠰᠠᠶᠢᠨ

ᠨᠡᠶᠢᠭᠡᠮ  ᠤᠨ ᠤᠷᠴᠢᠨ ᠢ ᠬᠠᠩᠭᠠᠬᠤ ᠪᠠᠷ ᠴᠢᠷᠮᠠᠶᠢᠬᠤ ᠬᠡᠷᠡᠭᠳᠡᠢ᠃ ᠠᠯᠪᠠᠨ  ᠤ ᠲᠡᠷᠭᠡ  ᠶᠢ ᠬᠡᠷᠡᠭᠯᠡᠨ ᠬᠠᠮᠢᠶᠠᠷᠬᠤ

ᠡᠯ᠎ᠡ ᠵᠦᠢᠯ  ᠤᠨ ᠲᠦᠷᠢᠮ ᠲᠤᠭᠳᠠᠭᠠᠯ  ᠢ ᠴᠢᠩᠭ᠎ᠠ ᠬᠡᠷᠡᠭᠵᠢᠬᠦᠯᠵᠦ᠂ ᠤᠨᠴᠠᠭᠠᠢ ᠬᠡᠷᠡᠭᠴᠡᠭᠡ ᠵᠡᠷᠭᠡ

ᠰᠢᠯᠳᠠᠭᠠᠨ ᠢᠶᠠᠷ ᠲᠡᠷᠭᠡᠨ  ᠤ ᠤᠷᠤᠨ ᠲᠤᠭ᠎ᠠ ᠪᠠᠷᠢᠮᠵᠢᠶ᠎ᠠ ᠶᠢ ᠬᠡᠳᠦᠷᠡᠬᠦᠯᠦᠨ ᠲᠤᠬᠢᠷᠠᠭᠤᠯᠵᠦ ᠪᠤᠯᠬᠤ ᠦᠭᠡᠢ᠂

ᠶᠠᠮᠠᠷᠪᠠ ᠠᠷᠭ᠎ᠠ ᠬᠡᠯᠪᠡᠷᠢ ᠪᠠᠷ ᠬᠠᠷᠢᠶᠠᠯᠠᠭᠳᠠᠵᠦ ᠪᠠᠶᠢᠭ᠎ᠠ ᠨᠢᠭᠡᠴᠡ ᠪᠤᠶᠤ ᠪᠤᠰᠤᠳ ᠨᠢᠭᠡᠴᠡ ᠪᠠ ᠬᠤᠪᠢ ᠬᠦᠮᠦᠨ ᠤ

ᠲᠡᠷᠭᠡ  ᠶᠢ ᠰᠤᠯᠢᠵᠦ ᠵᠢᠭᠡᠯᠡᠵᠦ᠂ ᠡᠵᠡᠯᠡᠵᠦ ᠬᠡᠷᠡᠭᠯᠡᠵᠦ ᠪᠤᠯᠬᠤ ᠦᠭᠡᠢ᠂ ᠠᠵᠦ ᠠᠬᠤᠶᠢᠯᠠᠯ ᠠᠵᠢᠯ ᠦᠢᠯᠡᠰ  ᠤᠨ

ᠨᠢᠭᠡᠴᠡ ᠪᠠ ᠬᠤᠪᠢ ᠬᠦᠮᠦᠨ  ᠤ ᠬᠦᠷᠭᠡᠭᠰᠡᠨ ᠲᠡᠷᠭᠡ  ᠶᠢ ᠬᠦᠯᠢᠶᠡᠨ ᠠᠪᠴᠦ ᠪᠤᠯᠬᠤ ᠦᠭᠡᠢ᠃ ᠶᠠᠮᠠᠷᠪᠠ

ᠰᠢᠯᠳᠠᠭᠠᠨ  ᠢᠶᠠᠷ ᠬᠤᠪᠢ ᠬᠦᠮᠦᠨ  ᠳᠤ ᠬᠠᠤᠯᠢ ᠬᠡᠷᠡᠭᠵᠢᠬᠦᠯᠬᠦ ᠵᠢᠵᠢᠬᠦᠷᠯᠡᠬᠦ᠂ ᠨᠢᠭᠤᠴᠠ ᠴᠢᠮᠡᠭᠡ ᠬᠤᠯᠪᠤᠭ᠎ᠠ ᠵᠡᠷᠭᠡ

 ᠳᠤ ᠬᠡᠷᠡᠭᠯᠡᠬᠦ ᠠᠯᠪᠠᠨ ᠲᠡᠷᠭᠡ ᠶᠢ ᠲᠦᠷᠢᠮ  ᠢ ᠵᠦᠷᠢᠴᠡᠨ ᠬᠡᠷᠡᠭᠵᠢᠬᠦᠯᠵᠦ ᠪᠤᠯᠬᠤ ᠦᠭᠡᠢ᠂ ᠵᠠᠮ ᠬᠠᠷᠢᠯᠴᠠᠭᠠᠨ  ᠤ

ᠨᠦᠬᠦᠪᠤᠷᠢ  ᠶᠢᠨ ᠨᠡᠷ᠎ᠡ ᠪᠠᠷ   ᠬᠡᠯᠪᠡᠷᠢ  ᠶᠢ ᠬᠤᠪᠢᠷᠠᠭᠤᠯᠤᠨ ᠠᠰᠠᠷᠠᠮᠵᠢ ᠦᠭᠴᠦ ᠪᠤᠯᠬᠤ ᠦᠭᠡᠢ᠂ ᠠᠯᠪᠠᠨ  ᠤ ᠵᠠᠮ

ᠬᠠᠷᠢᠯᠴᠠᠭᠠᠨ  ᠤ ᠨᠦᠬᠦᠪᠤᠷᠢ ᠠᠪᠬᠤ ᠶᠢᠨ ᠲᠠᠭᠠᠤ ᠪᠠᠰᠠ ᠲᠦᠷᠢᠮ  ᠢ ᠵᠦᠷᠢᠴᠡᠨ ᠠᠯᠪᠠᠨ  ᠤ ᠲᠡᠷᠭᠡ ᠬᠡᠷᠡᠭᠯᠡᠵᠦ

ᠦᠯᠦ ᠪᠤᠯᠬᠤ ᠵᠡᠷᠭᠡ ᠱᠠᠭᠠᠷᠳᠠᠯᠭ᠎ᠠ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠳᠡᠢ᠃ ᠠᠯᠪᠠᠨ ᠤ ᠲᠡᠷᠭᠡ  ᠶᠢ

ᠬᠡᠷᠡᠭᠯᠡᠨ ᠬᠠᠮᠢᠶᠠᠷᠬᠤ ᠮᠡᠳᠡᠭᠡᠯᠡᠯ  ᠤᠨ ᠲᠦᠷᠢᠮ ᠪᠠᠶᠢᠭᠤᠯᠵᠦ᠂ ᠠᠯᠪᠠᠨ  ᠤ ᠲᠡᠷᠭᠡ  ᠶᠢ ᠲᠤᠬᠢᠷᠠᠭᠤᠯᠬᠤ᠂ ᠬᠡᠷᠡᠭᠯᠡᠬᠦ᠂

ᠬᠠᠮᠠᠭᠠᠯᠠᠬᠤ ᠵᠡᠷᠭᠡ ᠶᠠᠪᠤᠳᠠᠯ  ᠢ ᠠᠯᠬᠤᠮ ᠠᠯᠬᠤᠮ ᠢᠶᠠᠷ ᠵᠠᠰᠠᠭ  ᠤᠨ ᠶᠠᠪᠤᠳᠠᠯ  ᠢ ᠢᠯᠡ ᠪᠤᠯᠭᠠᠬᠤ ᠬᠦᠷᠢᠶ᠎ᠡ

ᠬᠡᠪᠴᠢᠶᠡᠨ  ᠳᠤ   ᠤᠷᠤᠭᠤᠯᠤᠨ᠎ᠠ᠃

                                                   

              ᠲᠤᠮᠳᠠᠳᠤ ᠤᠯᠤᠰ ᠤᠨ ᠡᠪ ᠬᠠᠮᠳᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ

ᠠᠯᠪᠠᠨ ᠲᠢᠩᠬᠢᠮ

              ᠰᠢᠯᠢ     ᠶᠢᠨ     ᠭᠤᠤᠯ       ᠠᠶᠢᠮᠠᠭ      ᠤᠨ       ᠵᠠᠬᠢᠷᠭ᠎ᠠ      ᠶᠢᠨ      

ᠠᠯᠪᠠᠨ       ᠲᠢᠩᠬᠢᠮ

                          2016 ᠤᠨ ᠤ 6   ᠳ᠋ᠤᠭᠠᠷ ᠰᠠᠷ᠎ᠠ ᠶᠢᠨ 24 ᠤ ᠡᠳᠦᠷ

          ᠰᠢᠯᠢ ᠶᠢᠨ ᠭᠤᠤᠯ ᠠᠶᠢᠮᠠᠭ ᠤᠨ ᠠᠯᠪᠠᠨ ᠤ ᠲᠡᠷᠭᠡ ᠬᠡᠷᠡᠭᠯᠡᠬᠦ ᠲᠦᠷᠢᠮ ᠤᠨ

          ᠦᠭᠡᠷᠡᠴᠢᠯᠡᠯᠳᠡ ᠶᠢᠨ ᠬᠡᠷᠡᠭᠵᠢᠬᠦᠯᠬᠦ ᠲᠦᠰᠦᠯ

        ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂

ᠲᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ  ᠤᠨ ᠵᠤᠷᠢᠭ ᠰᠠᠨᠠᠭ᠎ᠠ ᠵᠢᠴᠢ ︽ᠨᠠᠮ ᠵᠠᠰᠠᠭ  ᠤᠨ ᠪᠠᠶᠢᠭᠤᠯᠭ᠎ᠠ

 ᠶᠢᠨ ᠠᠷᠪᠢᠯᠠᠨ ᠭᠠᠮᠨᠠᠬᠤ  ᠶᠢ ᠡᠷᠬᠢᠮᠯᠡᠵᠦ ᠪᠦᠷᠢᠯᠭᠡᠨ ᠰᠦᠢᠳᠭᠡᠬᠦ  ᠶᠢ ᠡᠰᠡᠷᠬᠦᠴᠡᠬᠦ ᠲᠦᠷᠢᠮ︾  ᠢ ᠪᠦᠬᠦ ᠲᠠᠯ᠎ᠠ

 ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠠᠶᠢᠮᠠᠭ  ᠤᠨ ᠨᠠᠮ ᠵᠠᠰᠠᠭ  ᠤᠨ ᠪᠠᠶᠢᠭᠤᠯᠭ᠎ᠠ  ᠶᠢᠨ ᠠᠯᠪᠠᠨ

 ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢ ᠦᠨᠡᠨᠬᠦ ᠠᠬᠢᠭᠤᠯᠵᠦ᠂ ᠰᠢᠨ᠎ᠡ ᠬᠡᠯᠪᠡᠷᠢ  ᠶᠢᠨ ᠠᠯᠪᠠᠨ  ᠤ

ᠲᠡᠷᠭᠡ ᠬᠡᠷᠡᠭᠯᠡᠬᠦ ᠲᠦᠷᠢᠮ ᠪᠠᠶᠢᠭᠤᠯᠬᠤ  ᠶᠢ ᠲᠦᠷᠭᠡᠳᠭᠡᠵᠦ᠂ ᠵᠠᠰᠠᠭ ᠵᠠᠬᠢᠷᠭᠠᠨ ᠤ ᠦᠪᠡᠷ  ᠤᠨ ᠦᠷᠳᠡᠭ  ᠢ

ᠪᠦᠳᠦᠮᠵᠢᠳᠡᠢ ᠲᠤᠷᠤᠭᠰᠢᠯᠠᠭᠤᠯᠤᠨ᠂ ᠲᠦᠪ ᠬᠤᠷᠢᠶᠠᠨ  ᠤ ︽ᠠᠯᠪᠠᠨ  ᠤ ᠲᠡᠷᠭᠡ ᠬᠡᠷᠡᠭᠯᠡᠬᠦ ᠲᠦᠷᠢᠮ  ᠤᠨ

ᠦᠭᠡᠷᠡᠴᠢᠯᠡᠯᠳᠡ  ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠲᠦᠪ ᠠᠯᠪᠠᠨ  

ᠲᠠᠷᠬᠠᠭᠠᠭᠰᠠᠨ 〔2014〕40 ᠳ᠋ᠤᠭᠡᠷ ᠲᠤᠭᠠᠳᠦ︶ ᠪᠠ ᠦᠪᠡᠷᠳᠡᠭᠡᠨ ᠵᠠᠰᠠᠬᠤ ᠤᠷᠤᠨ  ᠤ ︽ᠠᠯᠪᠠᠨ  ᠤ

ᠲᠡᠷᠭᠡ ᠬᠡᠷᠡᠭᠯᠡᠬᠦ ᠦᠭᠡᠷᠡᠴᠢᠯᠡᠯᠳᠡ  ᠶᠢᠨ ᠲᠤᠬᠠᠢ ᠶᠡᠷᠦᠩᠭᠡᠢ ᠲᠦᠰᠦᠯ︾ ︵ᠦᠪᠤᠷ ᠨᠠᠮ ᠠᠯᠪᠠᠨ

ᠲᠠᠷᠬᠠᠭᠠᠭᠰᠠᠨ 〔2015〕50 ᠳ᠋ᠤᠭᠠᠷ ᠲᠤᠭᠠᠳᠦ︶   ᠤᠨ ᠵᠤᠷᠢᠭ ᠰᠠᠨᠠᠭ᠎ᠠ  ᠶᠢ ᠦᠨᠳᠦᠰᠦᠯᠡᠵᠦ᠂ ᠲᠤᠰ

ᠬᠡᠷᠡᠭᠵᠢᠬᠦᠯᠬᠦ ᠲᠦᠰᠦᠯ  ᠢ ᠲᠤᠭᠳᠠᠭᠠᠪᠠ᠃

      ᠨᠢᠭᠡ᠂ ᠶᠡᠷᠦᠩᠭᠡᠢ ᠬᠠᠷᠠᠯᠳᠠ ᠪᠠ ᠦᠨᠳᠦᠰᠦᠨ ᠵᠠᠷᠴᠢᠮ

        ︵ᠨᠢᠭᠡ︶ ᠶᠡᠷᠦᠩᠭᠡᠢ ᠬᠠᠷᠠᠯᠳᠠ

        ᠠᠷᠪᠢᠯᠠᠬᠤ ᠬᠡᠯᠪᠡᠷᠢ᠂ ᠠᠷᠢᠭᠤᠨ ᠴᠢᠭᠴᠦ ᠬᠡᠯᠪᠡᠷᠢ  ᠶᠢᠨ ᠪᠠᠶᠢᠭᠤᠯᠭ᠎ᠠ  ᠶᠢ ᠪᠠᠶᠢᠭᠤᠯᠬᠤ ᠱᠠᠭᠠᠷᠳᠠᠯᠭ᠎ᠠ

 ᠶᠢᠨ ᠲᠤᠭᠤᠷᠢᠨ  ᠳᠤ᠂ ᠨᠡᠶᠢᠭᠡᠮᠴᠢᠯᠡᠬᠦ᠂ ᠵᠠᠬ᠎ᠠ ᠲᠡᠯᠭᠡᠬᠦᠷᠴᠢᠯᠡᠬᠦ ᠴᠢᠭᠯᠡᠯ  ᠢ ᠪᠠᠷᠢᠮᠳᠠᠯᠠᠨ᠂ ᠤᠳᠤ  ᠶᠢᠨ

ᠬᠡᠷᠡᠭᠵᠢᠬᠦᠯᠵᠦ ᠪᠠᠶᠢᠭ᠎ᠠ ᠠᠯᠪᠠᠨ  ᠤ ᠲᠡᠷᠭᠡ ᠬᠡᠷᠡᠭᠯᠡᠬᠦ ᠲᠦᠷᠢᠮ  ᠢ ᠦᠭᠡᠷᠡᠴᠢᠯᠡᠵᠦ᠂ ᠠᠯᠪᠠᠨ  ᠤ ᠲᠡᠷᠭᠡ  ᠶᠢᠨ ᠡᠬᠢ

ᠪᠠᠶᠠᠯᠢᠭ  ᠢ ᠵᠤᠬᠢᠰᠳᠠᠢ ᠲᠤᠬᠢᠷᠠᠭᠤᠯᠵᠦ᠂ ᠠᠯᠪᠠᠨ ᠶᠠᠪᠤᠳᠠᠯ ᠤᠨ ᠵᠠᠮ ᠬᠠᠷᠢᠯᠴᠠᠭᠠᠨ  ᠤ ᠬᠠᠩᠭᠠᠬᠤ ᠠᠷᠭ᠎ᠠ ᠬᠡᠯᠪᠡᠷᠢ

 ᠶᠢᠨ ᠰᠢᠨ᠎ᠡ  ᠶᠢ ᠡᠬᠦᠳᠴᠦ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ  ᠳᠤ ᠲᠦᠬᠦᠮ ᠵᠤᠬᠢᠰᠳᠠᠢ᠂ ᠵᠠᠮ

ᠬᠠᠷᠢᠯᠴᠠᠭᠠᠨ  ᠤ ᠵᠠᠷᠤᠳᠠᠯ ᠰᠦᠢᠳᠭᠡᠯ  ᠢ ᠠᠷᠪᠢᠯᠠᠨ ᠬᠢᠵᠠᠭᠠᠷᠯᠠᠬᠤ᠂ ᠲᠡᠷᠭᠡᠨ  ᠤ ᠬᠠᠮᠢᠶᠠᠷᠤᠯᠳᠠ  ᠶᠢᠨ ᠢᠯᠡ

ᠲᠤᠳᠤ ᠵᠢᠷᠤᠮᠵᠢᠭᠰᠠᠨ᠂ ᠬᠢᠨᠠᠨ ᠬᠠᠮᠢᠶᠠᠷᠤᠯᠳᠠ ᠬᠠᠷᠢᠭᠤᠴᠠᠯᠭ᠎ᠠ ᠠᠰᠠᠭᠤᠯᠳᠠ ᠰᠢᠨᠵᠢᠯᠡᠬᠦ ᠤᠬᠠᠭᠠᠨᠴᠢ ᠦᠷ᠎ᠡ

ᠠᠰᠢᠭᠳᠠᠢ ᠰᠢᠨ᠎ᠡ ᠬᠡᠯᠪᠡᠷᠢ  ᠶᠢᠨ ᠠᠯᠪᠠᠨ  ᠤ ᠲᠡᠷᠭᠡ ᠬᠡᠷᠡᠭᠯᠡᠬᠦ ᠲᠦᠷᠢᠮ  ᠢ ᠪᠠᠶᠢᠭᠤᠯᠤᠨ᠎ᠠ᠃ 2016   ᠤᠨ  ᠤ

ᠲᠡᠭᠡᠳᠦ ᠬᠠᠭᠠᠰ ᠵᠢᠯ ᠳᠤ᠂ ᠪᠦᠬᠦ ᠠᠶᠢᠮᠠᠭ  ᠲᠤ ᠡᠯ᠎ᠡ ᠱᠠᠳᠤᠨ  ᠤ ᠨᠠᠮ ᠵᠠᠰᠠᠭ  ᠤᠨ ᠪᠠᠶᠢᠭᠤᠯᠭ᠎ᠠ   ᠪᠤᠯᠤᠨ

ᠠᠯᠪᠠᠳᠠᠨ  ᠤ ᠬᠠᠤᠯᠢ ᠪᠠᠷ ᠯᠠᠪᠯᠠᠯᠳᠠ ᠪᠤᠯᠭᠠᠬᠤ ᠠᠵᠢᠯ ᠦᠢᠯᠡᠰ  ᠤᠨ ᠨᠢᠭᠡᠴᠡ  ᠶᠢᠨ ᠠᠯᠪᠠᠨ ᠤ ᠲᠡᠷᠭᠡᠨ ᠤ

ᠲᠦᠷᠢᠮ  ᠤᠨ ᠦᠭᠡᠷᠡᠴᠢᠯᠡᠯᠳᠡ  ᠶᠢ ᠦᠨᠳᠦᠰᠦᠨ ᠳᠡᠭᠡᠨ ᠪᠠᠶᠡᠯᠡᠬᠦᠯᠦᠨ᠎ᠡ᠃

        ︵ᠬᠤᠶᠠᠷ︶ ᠦᠨᠳᠦᠰᠦᠨ ᠵᠠᠷᠴᠢᠮ

       ⒈ ᠲᠦᠷᠢᠮ  ᠤᠨ ᠰᠢᠨ᠎ᠡ  ᠶᠢ ᠡᠬᠦᠳᠬᠦ  ᠶᠢ ᠪᠠᠷᠢᠮᠳᠠᠯᠠᠵᠦ᠂ ᠠᠯᠪᠠᠨ  ᠤ   ᠶᠠᠪᠤᠳᠠᠯ  ᠢᠶᠠᠷ ᠭᠠᠳᠠᠭᠰᠢ

ᠭᠠᠷᠬᠤ ᠶᠢ ᠪᠠᠳᠤᠯᠠᠨ᠎ᠠ᠃ ᠠᠯᠪᠠᠨ  ᠤ ᠲᠡᠷᠭᠡ ᠬᠡᠷᠡᠭᠯᠡᠬᠦ ᠪᠤᠳᠠᠰ  ᠤᠨ ᠬᠠᠩᠭᠠᠯᠭ᠎ᠠ  ᠶᠢᠨ ᠠᠷᠭ᠎ᠠ ᠬᠡᠯᠪᠡᠷᠢ  ᠶᠢ

ᠦᠭᠡᠷᠡᠴᠢᠯᠡᠵᠦ᠂ ᠡᠩ  ᠤᠨ ᠶᠠᠪᠤᠳᠠᠯ  ᠳᠤ ᠲᠡᠷᠭᠡ ᠬᠡᠷᠡᠭᠯᠡᠬᠦ  ᠶᠢ ᠬᠦᠴᠦᠨ ᠦᠭᠡᠢ ᠪᠤᠯᠭᠠᠵᠦ᠂ ᠡᠩ  ᠤᠨ ᠠᠯᠪᠠᠨ

ᠶᠠᠪᠤᠳᠠᠯ  ᠢᠶᠠᠷ ᠭᠠᠳᠠᠭᠰᠢ ᠭᠠᠷᠬᠤ ᠠᠯᠪᠠᠨ  ᠤ ᠬᠦᠮᠦᠰ ᠦᠪᠡᠷᠳᠡᠭᠡᠨ ᠰᠤᠩᠭᠤᠬᠤ ᠪᠦᠭᠡᠳ ᠨᠡᠶᠢᠭᠡᠮᠴᠢᠯᠡᠭᠰᠡᠨ

ᠬᠠᠩᠭᠠᠯᠭ᠎ᠠ ᠬᠡᠷᠡᠭᠵᠢᠬᠦᠯᠬᠦ ᠶᠢᠨ ᠬᠠᠮᠳᠤ ᠵᠤᠬᠢᠰᠳᠠᠢ ᠵᠠᠮ ᠬᠠᠷᠢᠯᠴᠠᠭᠠᠨ  ᠤ ᠰᠦᠢᠳᠭᠡᠯ  ᠤᠨ ᠨᠦᠬᠦᠪᠤᠷᠢ ᠤᠯᠭᠤᠨ᠎ᠠ᠃

  ᠬᠠᠨᠳᠤᠯᠭᠠᠳᠦ ᠪᠤᠳᠠᠰ  ᠤᠨ ᠪᠠᠳᠤᠯᠠᠭ᠎ᠠ  ᠶᠢᠨ ᠲᠡᠷᠭᠡᠨ  ᠤ ᠲᠤᠬᠢᠷᠠᠭᠤᠯᠤᠯᠳᠠ  ᠶᠢ ᠴᠢᠩᠭᠠᠳᠬᠠᠨ᠎ᠠ᠃

        ⒉ ᠨᠢᠭᠡᠳᠦᠯᠳᠡᠢ ᠲᠦᠯᠦᠪᠵᠢᠬᠦᠯᠦᠨ ᠨᠡᠶᠢᠳᠡ ᠳᠤᠨᠢ ᠬᠠᠷᠠᠭᠠᠯᠵᠠᠬᠤ  ᠶᠢ ᠪᠠᠷᠢᠮᠳᠠᠯᠠᠵᠦ᠂ ᠲᠦᠷᠦ  ᠶᠢᠨ

ᠪᠤᠳᠤᠯᠭ᠎ᠠ  ᠶᠢᠨ ᠢᠵᠢ ᠪᠦᠷᠢᠳᠦᠬᠦᠯᠦᠯᠳᠡ  ᠶᠢ ᠴᠢᠬᠤᠯᠠᠴᠢᠯᠠᠨ᠎ᠠ᠃ ᠦᠭᠡᠷᠡᠴᠢᠯᠡᠯᠳᠡ ᠳᠤ ᠬᠤᠯᠪᠤᠭᠳᠠᠭᠰᠠᠨ ᠡᠯ᠎ᠡ

ᠲᠠᠯ᠎ᠠ  ᠶᠢᠨ ᠠᠰᠢᠭ ᠲᠤᠰᠠ  ᠶᠢᠨ ᠬᠠᠷᠢᠴᠠᠭ᠎ᠠ  ᠶᠢ ᠵᠤᠬᠢᠰᠳᠠᠢ ᠰᠢᠢᠳᠪᠤᠷᠢᠯᠡᠵᠦ᠂ ᠡᠯ᠎ᠡ ᠵᠦᠢᠯ  ᠤᠨ ᠶᠠᠪᠤᠵᠦ

ᠢᠷᠡᠬᠦ ᠨᠦᠬᠦᠴᠡᠯ  ᠢ ᠶᠡᠷᠦᠩᠭᠡᠶᠢᠯᠡᠨ ᠪᠤᠳᠤᠯᠬᠢᠯᠠᠵᠦ᠂ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ

 ᠶᠢᠨ ᠲᠦᠰᠦᠯ ᠪᠠ ᠢᠵᠢ ᠪᠦᠷᠢᠳᠦᠭᠰᠡᠨ ᠲᠦᠷᠦ  ᠶᠢᠨ ᠪᠤᠳᠤᠯᠭ᠎ᠠ  ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠦ᠂

ᠰᠢᠨ᠎ᠡ ᠬᠠᠭᠤᠴᠢᠨ ᠲᠦᠷᠢᠮ  ᠢ ᠲᠤᠭᠳᠠᠭᠤᠨ  ᠢᠶᠠᠷ ᠰᠢᠯᠵᠢᠬᠦᠯᠵᠦ᠂ ᠤᠷᠭᠠᠨᠢᠭ  ᠢᠶᠠᠷ ᠤᠶᠠᠯᠳᠤᠭᠤᠯᠬᠤ  ᠶᠢ

ᠪᠠᠳᠤᠯᠠᠨ᠎ᠠ᠃

       ⒊ ᠨᠢᠭᠡᠳᠦᠯᠳᠡᠢ ᠪᠠᠶᠢᠷᠢᠯᠠᠭᠤᠯᠬᠤ  ᠶᠢ ᠪᠠᠷᠢᠮᠳᠠᠯᠠᠵᠦ᠂ ᠲᠦᠷᠦᠯ ᠬᠤᠪᠢᠶᠠᠨ ᠠᠯᠬᠤᠮ ᠲᠠᠷᠠᠭ᠎ᠠ ᠲᠠᠢ

ᠠᠬᠢᠭᠤᠯᠤᠨ᠎ᠠ᠃ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ  ᠤ ᠪᠠᠶᠢᠷᠢᠯᠠᠭᠤᠯᠤᠯᠳᠠ  ᠶᠢ ᠦᠨᠳᠦᠰᠦᠯᠡᠵᠦ᠂

ᠤᠷᠢᠳᠠᠪᠡᠷ ᠡᠯ᠎ᠡ ᠱᠠᠳᠤᠨ  ᠤ ᠨᠠᠮ ᠵᠠᠰᠠᠭ  ᠤᠨ ᠪᠠᠶᠢᠭᠤᠯᠭ᠎ᠠ ᠪᠠ ᠠᠯᠪᠠᠳᠠᠨ  ᠤ ᠬᠠᠤᠯᠢ ᠪᠠᠷ ᠯᠠᠪᠯᠠᠯᠳᠠ ᠪᠤᠯᠭᠠᠬᠤ

ᠠᠵᠢᠯ ᠦᠢᠯᠡᠰ  ᠤᠨ ᠨᠢᠭᠡᠴᠡ  ᠳᠤ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ ᠬᠢᠨ᠎ᠡ᠃ ᠠᠵᠢᠯ

ᠦᠢᠯᠡᠰ  ᠤᠨ ᠨᠢᠭᠡᠴᠡ᠂ ᠤᠯᠤᠰ  ᠤᠨ ᠦᠮᠴᠢᠯᠡᠯᠳᠦ ᠠᠵᠦ ᠠᠬᠤᠶᠢᠯᠠᠯ  ᠤᠨ ᠠᠯᠪᠠᠨ  ᠤ ᠲᠡᠷᠭᠡ ᠬᠡᠷᠡᠭᠯᠡᠬᠦ

ᠦᠭᠡᠷᠡᠴᠢᠯᠡᠯᠳᠡ  ᠶᠢ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ  ᠤ ᠪᠠᠶᠢᠷᠢᠯᠠᠭᠤᠯᠤᠯᠳᠠ ᠪᠠᠷ ᠡᠮᠬᠢ

ᠲᠢᠭᠯᠢᠮ ᠲᠠᠢ ᠠᠬᠢᠭᠤᠯᠤᠨ᠎ᠠ᠃

       ⒋ ᠠᠷᠪᠢᠯᠠᠨ ᠭᠠᠮᠨᠠᠬᠤ  ᠶᠢ ᠪᠠᠷᠢᠮᠳᠠᠯᠠᠵᠦ᠂ ᠲᠦᠰᠦᠯ  ᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠎ᠠ᠃

︽ᠠᠷᠪᠢᠯᠠᠨ ᠭᠠᠮᠨᠠᠬᠤ  ᠳᠤ ᠠᠰᠢᠭᠳᠠᠢ᠂ ᠠᠵᠢᠯ  ᠳᠤ ᠠᠰᠢᠭᠳᠠᠢ᠂ ᠠᠷᠢᠭᠤᠨ ᠴᠢᠭᠴᠦ  ᠳᠤ ᠠᠰᠢᠭᠳᠠᠢ᠂

ᠲᠤᠭᠳᠠᠭᠤᠨ  ᠳᠤ ᠠᠰᠢᠭᠳᠠᠢ︾ ᠪᠠᠶᠢᠬᠤ ᠦᠭᠡᠷᠡᠴᠢᠯᠡᠯᠳᠡ  ᠶᠢᠨ ᠬᠠᠷᠠᠯᠳᠠ ᠴᠢᠭᠯᠡᠯ  ᠢ ᠡᠵᠡᠮᠳᠡᠵᠦ᠂ ᠲᠦᠪ

ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ  ᠤ ᠦᠭᠡᠷᠡᠴᠢᠯᠡᠯᠳᠡ  ᠶᠢᠨ ᠲᠠᠷᠠᠭ᠎ᠠ ᠠᠷᠪᠢᠯᠠᠨ ᠭᠠᠮᠨᠠᠬᠤ  ᠶᠢ

ᠪᠡᠶᠡᠯᠡᠬᠦᠯᠬᠦ ᠱᠠᠭᠠᠷᠳᠠᠯᠭ᠎ᠠ ᠪᠠᠷ᠂ ᠪᠦᠬᠦ ᠠᠶᠢᠮᠠᠭ  ᠤᠨ ᠪᠦᠬᠦᠯᠢ ᠴᠤᠭᠴᠠᠳᠦ ᠵᠠᠷᠤᠳᠠᠯ ᠠᠷᠪᠢᠯᠠᠬᠤ ᠨᠤᠷᠮ᠎ᠠ ᠪᠠ

ᠠᠶᠢᠮᠠᠭ  ᠤᠨ ᠲᠤᠰ ᠱᠠᠳᠤᠨ  ᠤ ᠵᠠᠷᠤᠳᠠᠯ ᠠᠷᠪᠢᠯᠠᠬᠤ ᠨᠤᠷᠮ᠎ᠠ  ᠶᠢ 7.01% ᠪᠠ 15.26%  ᠠᠴᠠ ᠲᠡᠭᠡᠭᠰᠢ

ᠪᠠᠶᠢᠯᠭᠠᠬᠤ ᠬᠡᠷᠡᠭᠳᠡᠢ᠃

      ᠬᠤᠶᠠᠷ᠂ ᠭᠤᠤᠯ ᠡᠬᠦᠷᠭᠡ

      ︵ᠨᠢᠭᠡ︶ ᠦᠭᠡᠷᠡᠴᠢᠯᠡᠯᠳᠡ  ᠳᠤ ᠤᠷᠤᠯᠴᠠᠬᠤ ᠬᠦᠷᠢᠶ᠎ᠡ ᠬᠡᠪᠴᠢᠶ᠎ᠡ

      ⒈ ᠪᠠᠶᠢᠭᠤᠯᠤᠮᠵᠢ ᠶᠢᠨ ᠬᠦᠷᠢᠶ᠎ᠡ ᠬᠡᠪᠴᠢᠶ᠎ᠡ᠃ ᠡᠯ᠎ᠡ ᠱᠠᠳᠤᠨ ᠤ ᠨᠠᠮ ᠵᠠᠰᠠᠭ  ᠤᠨ ᠪᠠᠶᠢᠭᠤᠯᠭ᠎ᠠ ︵ᠨᠠᠮ

 ᠤᠨ ᠬᠤᠷᠢᠶ᠎ᠠ᠂ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠠᠵᠢᠯ  ᠤᠨ ᠵᠦᠪᠯᠡᠯ ᠶᠢᠨ ᠬᠤᠷᠢᠶ᠎ᠠ᠂

ᠵᠠᠰᠠᠭ  ᠤᠨ ᠤᠷᠳᠤᠨ᠂ ᠤᠯᠤᠰ ᠲᠦᠷᠦ  ᠶᠢᠨ ᠵᠦᠪᠯᠡᠯᠭᠡᠨ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠠ

ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠠᠯᠪᠠᠳᠠᠨ ᠤ ᠬᠠᠤᠯᠢ ᠪᠠᠷ ᠯᠠᠪᠯᠠᠯᠳᠠ ᠪᠤᠯᠭᠠᠬᠤ ᠬᠠᠮᠢᠶᠠᠷᠤᠯᠳᠠ  ᠶᠢᠨ

ᠠᠷᠠᠳ  ᠤᠨ ᠪᠦᠯᠬᠦᠮ᠂ ᠤᠯᠡᠨ ᠲᠦᠮᠡᠨᠴᠢ ᠪᠦᠯᠬᠦᠮ᠂ ᠠᠵᠢᠯ ᠦᠢᠯᠡᠰ  ᠤᠨ ᠨᠢᠭᠡᠴᠡ  ᠶᠢ ᠪᠠᠭᠳᠠᠭᠠᠨ᠎ᠠ᠂

ᠲᠤᠷᠤᠭᠰᠢ ᠠᠳᠠᠯᠢ︶ ᠴᠦᠮ ᠦᠭᠡᠷᠡᠴᠢᠯᠡᠯᠳᠡ  ᠳᠤ ᠤᠷᠤᠯᠴᠠᠨ᠎ᠠ᠃ ᠠᠯᠪᠠᠳᠠᠨ  ᠤ ᠬᠠᠤᠯᠢ ᠪᠠᠷ ᠯᠠᠪᠯᠠᠯᠳᠠ

ᠪᠤᠯᠭᠠᠬᠤ ᠦᠭᠡᠢ ᠠᠵᠢᠯ ᠦᠢᠯᠡᠰ  ᠤᠨ ᠨᠢᠭᠡᠴᠡ᠂ ᠤᠯᠤᠰ  ᠤᠨ ᠦᠮᠴᠢᠯᠡᠯᠳᠦ ᠠᠵᠦ ᠠᠬᠤᠶᠢᠯᠠᠯ  ᠤᠨ ᠠᠯᠪᠠᠨ  ᠤ

ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢ ᠨᠠᠮ ᠵᠠᠰᠠᠭ  ᠤᠨ ᠪᠠᠶᠢᠭᠤᠯᠭ᠎ᠠ  ᠶᠢᠨ ᠠᠯᠪᠠᠨ  ᠤ ᠲᠡᠷᠭᠡ

ᠬᠡᠷᠡᠭᠯᠡᠬᠦ ᠲᠦᠷᠢᠮ ᠤᠨ ᠦᠭᠡᠷᠡᠴᠢᠯᠡᠯᠳᠡ  ᠶᠢ ᠪᠡᠶᠡᠯᠡᠬᠦᠯᠦᠭᠰᠡᠨ  ᠤ ᠲᠠᠷᠠᠭ᠎ᠠ ᠲᠠᠬᠢᠨ ᠲᠦᠷᠦ  ᠶᠢᠨ ᠪᠤᠳᠤᠯᠭ᠎ᠠ

ᠲᠤᠭᠳᠠᠭᠠᠨ ᠬᠡᠷᠡᠭᠵᠢᠬᠦᠯᠦᠨ᠎ᠡ᠃

      ⒉ ᠬᠦᠷᠢᠶ᠎ᠡ ᠬᠡᠪᠴᠢᠶ᠎ᠡ᠃ ᠤᠷᠤᠨ ᠲᠤᠭ᠎ᠠ ᠲᠠᠢ ᠠᠵᠢᠯ  ᠤᠨ ᠪᠠᠶᠢᠷᠢ ᠲᠡᠭᠡᠷ᠎ᠡ ᠪᠠᠨ ᠪᠠᠶᠢᠭ᠎ᠠ ᠲᠢᠩᠬᠢᠮ

ᠲᠤᠪᠴᠢᠶ᠎ᠠ  ᠶᠢᠨ ᠲᠡᠰ ᠵᠢᠴᠢ ᠲᠤᠷᠤᠭᠰᠢᠬᠢ ᠠᠵᠢᠯᠳᠠᠨ ᠢ ᠠᠯᠪᠠᠨ  ᠤ ᠲᠡᠷᠭᠡ ᠬᠡᠷᠡᠭᠯᠡᠬᠦ ᠲᠦᠷᠢᠮ ᠤᠨ

ᠦᠭᠡᠷᠡᠴᠢᠯᠡᠯᠳᠡ ︵ᠵᠠᠰᠠᠭ ᠵᠠᠬᠢᠷᠭᠠᠨ  ᠤ ᠪᠠᠶᠢᠭᠤᠯᠭ᠎ᠠ  ᠳᠤ ᠪᠠᠶᠢᠭ᠎ᠠ ᠠᠵᠢᠯᠳᠠᠨ ᠪᠠ ᠠᠵᠢᠯ  ᠠᠴᠠ ᠪᠠᠨ ᠰᠠᠯᠵᠦ

ᠠᠮᠤᠰᠬᠢᠭᠰᠠᠨ ᠨᠠᠰᠤᠨ  ᠤ ᠠᠮᠠᠷᠠᠯᠳᠠ ᠪᠠᠨ ᠠᠪᠤᠭᠰᠠᠨ ᠺᠠᠳ᠋ᠷᠴᠤᠳ  ᠤᠨ ᠬᠠᠮᠢᠶᠠᠷᠤᠯᠳᠠ  ᠶᠢᠨ ᠪᠠᠶᠢᠭᠤᠯᠤᠮᠵᠢ  ᠶᠢᠨ

ᠠᠵᠢᠯᠳᠠᠨ  ᠢ ᠪᠠᠭᠳᠠᠭᠠᠨ᠎ᠠ︶  ᠳᠤ ᠤᠷᠤᠯᠴᠠᠭᠤᠯᠵᠦ᠂ ᠠᠵᠢᠯ  ᠠᠴᠠ ᠪᠠᠨ ᠠᠮᠤᠰᠬᠢᠭᠰᠠᠨ ᠨᠠᠰᠤᠨ  ᠤ ᠠᠮᠠᠷᠠᠯᠳᠠ

 ᠪᠠᠨ ᠠᠪᠤᠭᠰᠠᠨ ᠺᠠᠳ᠋ᠷᠴᠤᠳ  ᠢ ᠲᠦᠷ ᠦᠭᠡᠷᠡᠴᠢᠯᠡᠯᠳᠡ  ᠶᠢᠨ ᠬᠡᠪᠴᠢᠶᠡᠨ  ᠳᠤ ᠤᠷᠤᠭᠤᠯᠬᠤ ᠦᠭᠡᠢ᠃ ᠠᠶᠢᠮᠠᠭ

 ᠤᠨ ᠲᠦᠷᠪᠡᠨ ᠲᠤᠮᠤ ᠪᠠᠭ  ᠤᠨ ᠭᠤᠤᠯ ᠬᠠᠷᠢᠭᠤᠴᠠᠯᠭᠠᠳᠠᠨ ᠵᠢᠴᠢ ᠬᠤᠰᠢᠭᠤ ᠰᠢᠶᠠᠨ ᠬᠤᠳᠠ ᠤᠷᠤᠨ᠂ ᠰᠤᠮᠤ

ᠰᠢᠶᠠᠩ ᠪᠠᠯᠭᠠᠰᠦ ︵ᠬᠡᠷᠡᠭ ᠡᠷᠬᠢᠯᠡᠬᠦ ᠭᠠᠵᠠᠷ  ᠢ ᠪᠠᠭᠳᠠᠭᠠᠬᠤ ᠦᠭᠡᠢ︶  ᠶᠢᠨ ᠨᠠᠮ  ᠤᠨ ᠬᠤᠷᠢᠶ᠎ᠠ᠂ ᠵᠠᠰᠠᠭ  ᠤᠨ

ᠤᠷᠳᠤᠨ  ᠤ ᠭᠤᠤᠯ ᠬᠠᠷᠢᠭᠤᠴᠠᠯᠭᠠᠳᠠᠨ  ᠢ ᠠᠯᠪᠠᠨ ᠲᠡᠷᠭᠡᠨ  ᠤ ᠲᠦᠷᠢᠮ  ᠤᠨ ᠦᠭᠡᠷᠡᠴᠢᠯᠡᠯᠳᠡ  ᠳᠤ

ᠤᠷᠤᠯᠴᠠᠭᠤᠯᠤᠨ᠂ ᠦᠨᠡᠨᠬᠦ ᠤᠷᠴᠢᠨ ᠲᠤᠭᠤᠷᠢᠨ  ᠤ ᠬᠢᠵᠠᠭᠠᠷᠯᠠᠯ ᠪᠠ ᠠᠵᠢᠯ  ᠤᠨ ᠬᠡᠷᠡᠭᠴᠡᠭᠡ ᠪᠠᠷ ᠠᠯᠪᠠᠨ  ᠤ

ᠲᠡᠷᠭᠡ  ᠶᠢ ᠬᠡᠷᠡᠭᠯᠡᠬᠦ  ᠶᠢ ᠬᠦᠴᠦᠨ ᠦᠭᠡᠢ ᠪᠤᠯᠭᠠᠬᠤ  ᠳᠤ ᠲᠦᠬᠦᠮ ᠦᠭᠡᠢ ᠪᠤᠯ ᠵᠤᠬᠢᠰᠳᠠᠢ ᠲᠦᠪᠯᠡᠷᠡᠬᠦᠯᠬᠦ

ᠬᠡᠯᠪᠡᠷᠢ ᠪᠠᠷ ᠪᠤᠳᠠᠰ ᠤᠨ ᠬᠠᠩᠭᠠᠯᠭ᠎ᠠ  ᠶᠢᠨ ᠲᠡᠷᠭᠡ ᠬᠡᠷᠡᠭᠯᠡᠬᠦ  ᠶᠢ ᠵᠦᠪᠰᠢᠶᠡᠷᠡᠵᠦ ᠪᠤᠯᠬᠤ ᠪᠤᠯᠪᠠᠴᠦ ᠡᠷᠭᠡᠪᠰᠢ

ᠴᠢᠩᠭ᠎ᠠ ᠵᠢᠷᠤᠮᠵᠢᠭᠤᠯᠤᠨ ᠬᠠᠮᠢᠶᠠᠷᠴᠦ᠂ ᠲᠠᠬᠢᠨ ᠠᠯᠪᠠᠨ  ᠤ ᠶᠠᠪᠤᠳᠠᠯ  ᠤᠨ ᠵᠠᠮ ᠬᠠᠷᠢᠯᠴᠠᠭᠠᠨ  ᠤ ᠨᠦᠬᠦᠪᠤᠷᠢ  ᠶᠢ

ᠠᠪᠴᠦ ᠪᠤᠯᠬᠤ ᠦᠭᠡᠢ᠃

       ⒊ ᠲᠡᠷᠭᠡᠨ  ᠤ ᠬᠦᠷᠢᠶ᠎ᠡ ᠬᠡᠪᠴᠢᠶ᠎ᠡ᠃ ᠡᠩ  ᠤᠨ ᠠᠯᠪᠠᠨ ᠳᠤ ᠬᠡᠷᠡᠭᠯᠡᠬᠦ ᠲᠡᠷᠭᠡ ᠪᠠ ᠡᠩ  ᠤᠨ ᠬᠠᠤᠯᠢ

ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡ  ᠶᠢ ᠴᠦᠮ ᠦᠭᠡᠷᠡᠴᠢᠯᠡᠬᠦ ᠬᠦᠷᠢᠶ᠎ᠡ ᠬᠡᠪᠴᠢᠶᠡᠨ  ᠳᠤ

ᠤᠷᠤᠭᠤᠯᠤᠨ᠎ᠠ᠃ ᠡᠩ  ᠤᠨ ᠠᠯᠪᠠᠨ ᠳᠤ ᠬᠡᠷᠡᠭᠯᠡᠬᠦ ᠲᠡᠷᠭᠡ  ᠶᠢ ᠦᠭᠡᠶᠢᠰᠭᠡᠵᠦ᠂ ᠴᠢᠬᠤᠯᠠᠳᠠᠢ ᠨᠢᠭᠤᠴᠠ ᠴᠢᠮᠡᠭᠡ

ᠬᠤᠯᠪᠤᠭᠠᠨ  ᠤ ᠪᠠᠴᠢᠮ ᠬᠡᠷᠡᠭᠯᠡᠬᠦ ᠲᠡᠷᠭᠡ᠂ ᠤᠨᠴᠠᠭᠠᠢ ᠲᠤᠰᠬᠠᠢ ᠮᠡᠷᠭᠡᠵᠢᠯ  ᠤᠨ ᠬᠡᠷᠡᠭᠯᠡᠬᠦ ᠲᠡᠷᠭᠡ ᠪᠠ ᠲᠤᠭᠳᠠᠭᠠᠯ

 ᠳᠤ ᠨᠡᠶᠢᠴᠡᠭᠰᠡᠨ ᠨᠢᠭᠡᠳᠦᠭᠡᠷ ᠹᠷᠤᠨᠲ  ᠤᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠠᠵᠢᠯ  ᠤᠨ ᠪᠠᠶᠢᠷᠢ ᠳᠤ ᠬᠡᠷᠡᠭᠯᠡᠬᠦ

ᠲᠡᠷᠭᠡ ᠵᠢᠴᠢ ᠪᠤᠰᠤᠳ ᠲᠡᠷᠭᠡ  ᠶᠢ ᠦᠯᠡᠳᠡᠭᠡᠨ᠎ᠡ᠃

      ᠴᠢᠬᠤᠯᠠᠳᠠᠢ ᠨᠢᠭᠤᠴᠠ ᠴᠢᠮᠡᠭᠡ ᠬᠤᠯᠪᠤᠭᠠᠨ  ᠤ ᠪᠠᠴᠢᠮ ᠠᠷᠭᠠᠴᠠᠬᠤ ᠪᠠ ᠪᠠᠶᠢᠴᠠᠭᠠᠨ ᠰᠤᠳᠤᠯᠤᠯᠳᠠ  ᠳᠤ

ᠬᠡᠷᠡᠭᠯᠡᠬᠦ ᠲᠡᠷᠭᠡ  ᠶᠢ ᠦᠯᠡᠳᠡᠭᠡᠨ᠎ᠡ᠃ ᠠᠶᠢᠮᠠᠭ  ᠤᠨ ᠲᠤᠰ ᠱᠠᠳᠤᠨ  ᠳᠤ ᠬᠠᠨᠳᠤᠯᠭᠠᠳᠦ ᠪᠤᠳᠠᠰ  ᠤᠨ ᠪᠠᠳᠤᠯᠠᠭ᠎ᠠ

 ᠶᠢᠨ ᠲᠡᠷᠭᠡ  ᠶᠢ ᠭᠠᠷᠭᠠᠪᠠᠯ᠂ ᠬᠠᠮᠤᠭ ᠤᠯᠠᠨ ᠳᠠᠭᠠᠨ 195 ᠨᠢᠭᠤᠴᠠ ᠴᠢᠮᠡᠭᠡ ᠬᠤᠯᠪᠤᠭᠠᠨ  ᠤ ᠪᠠᠴᠢᠮ

ᠠᠷᠭᠠᠴᠠᠬᠤ ᠪᠠ ᠪᠠᠶᠢᠴᠠᠭᠠᠨ ᠰᠤᠳᠤᠯᠤᠯᠳᠠ  ᠳᠤ ᠬᠡᠷᠡᠭᠯᠡᠬᠦ ᠲᠡᠷᠭᠡ ︵ᠡᠬᠦᠨ  ᠳᠤ᠄ ᠨᠢᠭᠤᠴᠠ ᠴᠢᠮᠡᠭᠡ ᠬᠤᠯᠪᠤᠭᠠᠨ

 ᠤ ᠪᠠᠴᠢᠮ ᠠᠷᠭᠠᠴᠠᠬᠤ  ᠳᠤ ᠬᠡᠷᠡᠭᠯᠡᠬᠦ ᠲᠡᠷᠭᠡ 178᠂ ᠪᠠᠶᠢᠴᠠᠭᠠᠨ ᠰᠤᠳᠤᠯᠤᠯᠳᠠ  ᠳᠤ ᠬᠡᠷᠡᠭᠯᠡᠬᠦ ᠲᠡᠷᠭᠡ 17︶  

ᠦᠯᠡᠳᠡᠭᠡᠨ᠎ᠡ᠃ ᠠᠶᠢᠮᠠᠭ  ᠤᠨ ᠨᠠᠮ  ᠤᠨ ᠬᠤᠷᠢᠶ᠎ᠠ᠂ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ  ᠤᠨ

ᠠᠵᠢᠯ  ᠤᠨ ᠵᠦᠪᠯᠡᠯ᠂ ᠵᠠᠬᠢᠷᠭ᠎ᠠ᠂ ᠤᠯᠤᠰ ᠲᠦᠷᠦ ᠶᠢᠨ ᠵᠦᠪᠯᠡᠯᠭᠡᠨ  ᠳᠤ ᠲᠤᠰᠪᠤᠷᠢ ᠨᠢᠭᠤᠴᠠ ᠴᠢᠮᠡᠭᠡ

ᠬᠤᠯᠪᠤᠭᠠᠨ  ᠤ ᠪᠠᠴᠢᠮ ᠠᠷᠭᠠᠴᠠᠬᠤ  ᠳᠤ ᠬᠡᠷᠡᠭᠯᠡᠬᠦ ᠲᠡᠷᠭᠡ  ᠶᠢ 5 ᠠᠴᠠ ᠢᠯᠡᠬᠦᠤ ᠦᠯᠡᠳᠡᠭᠡᠵᠦ ᠪᠤᠯᠬᠤ ᠦᠭᠡᠢ᠂

ᠠᠶᠢᠮᠠᠭ  ᠤᠨ ᠲᠤᠰ ᠱᠠᠳᠤᠨ  ᠤ ᠨᠠᠮ ᠵᠠᠰᠠᠭ  ᠤᠨ ᠪᠠᠶᠢᠭᠤᠯᠭ᠎ᠠ  ᠶᠢᠨ ᠠᠵᠢᠯᠳᠠᠨ  ᠤ ᠤᠷᠤᠨ ᠲᠤᠭ᠎ᠠ  ᠶᠢ 30  

ᠬᠦᠮᠦᠨ ︵ᠪᠠᠭᠳᠠᠨ᠎ᠠ︶  ᠤ ᠲᠤᠳᠤᠷ᠎ᠠ ᠨᠢᠭᠡ ᠲᠡᠷᠭᠡ ᠦᠯᠡᠳᠡᠭᠡᠵᠦ᠂ 30   ᠬᠦᠮᠦᠨ  ᠠᠴᠠ 60   ᠬᠦᠮᠦᠨ  ᠤ

ᠲᠤᠳᠤᠷ᠎ᠠ ᠬᠤᠶᠠᠷ ᠲᠡᠷᠭᠡ ᠦᠯᠡᠳᠡᠭᠡᠵᠦ᠂ 60   ᠠᠴᠠ 90   ᠬᠦᠮᠦᠨ  ᠤ ᠲᠤᠳᠤᠷ᠎ᠠ ᠭᠤᠷᠪᠠᠨ ᠲᠡᠷᠭᠡ ᠦᠯᠡᠳᠡᠭᠡᠵᠦ

᠂ 90 ᠬᠦᠮᠦᠨ  ᠠᠴᠠ ᠲᠡᠭᠡᠭᠰᠢᠬᠢ  ᠳᠤ 4   ᠲᠡᠷᠭᠡ ᠦᠯᠡᠳᠡᠭᠡᠨ᠎ᠡ᠃ ᠠᠶᠢᠮᠠᠭ  ᠤᠨ ᠲᠤᠰ ᠱᠠᠳᠤᠨ  ᠳᠤ ᠠᠯᠪᠠᠳᠠᠨ

 ᠤ ᠬᠠᠤᠯᠢ ᠪᠠᠷ ᠯᠠᠪᠯᠠᠯᠳᠠ ᠪᠤᠯᠭᠠᠬᠤ ᠬᠠᠮᠢᠶᠠᠷᠤᠯᠳᠠ ᠶᠢᠨ ᠠᠵᠢᠯ ᠦᠢᠯᠡᠰ ᠤᠨ ᠨᠢᠭᠡᠴᠡ  ᠶᠢᠨ ᠵᠠᠰᠠᠭ ᠵᠠᠬᠢᠷᠭᠠᠨ ᠤ

ᠰᠠᠯᠠᠭ᠎ᠠ ᠮᠦᠴᠢᠷ  ᠲᠤ ᠬᠠᠷᠢᠶᠠᠯᠠᠭᠳᠠᠬᠤ ᠲᠤᠳᠤᠭᠠᠳᠦ ᠪᠠᠶᠢᠭᠤᠯᠤᠮᠵᠢ  ᠳᠤ ᠨᠢᠭᠤᠴᠠ ᠴᠢᠮᠡᠭᠡ ᠬᠤᠯᠪᠤᠭᠠᠨ  ᠤ

ᠪᠠᠴᠢᠮ ᠠᠷᠭᠠᠴᠠᠬᠤ ᠲᠡᠷᠭᠡ  ᠶᠢ ᠲᠤᠰᠠᠭᠠᠷ ᠦᠯᠡᠳᠡᠭᠡᠬᠦ ᠦᠭᠡᠢ᠂ ᠪᠤᠰᠤᠳ ᠠᠯᠪᠠᠳᠠᠨ  ᠤ ᠬᠠᠤᠯᠢ ᠪᠠᠷ ᠯᠠᠪᠯᠠᠯᠳᠠ

ᠪᠤᠯᠭᠠᠬᠤ ᠬᠠᠮᠢᠶᠠᠷᠤᠯᠳᠠ ᠶᠢᠨ ᠠᠵᠢᠯ ᠦᠢᠯᠡᠰ  ᠤᠨ ᠨᠢᠭᠡᠴᠡ  ᠶᠢᠨ ᠠᠵᠢᠯᠳᠠᠨ  ᠤ ᠤᠷᠤᠨ ᠲᠤᠭ᠎ᠠ  ᠶᠢ 50  

ᠬᠦᠮᠦᠨ  ᠤ ᠲᠤᠳᠤᠷ᠎ᠠ ᠨᠢᠭᠡ ᠲᠡᠷᠭᠡ ᠦᠯᠡᠳᠡᠭᠡᠵᠦ᠂  50   ᠬᠦᠮᠦᠨ  ᠠᠴᠠ ᠲᠡᠭᠡᠭᠰᠢᠬᠢ  ᠳᠤ ᠬᠤᠶᠠᠷ ᠲᠡᠷᠭᠡ

ᠦᠯᠡᠳᠡᠭᠡᠨ᠎ᠡ᠃ ᠠᠶᠢᠮᠠᠭ  ᠤᠨ ᠨᠠᠮ  ᠤᠨ ᠬᠤᠷᠢᠶ᠎ᠠ᠂ ᠵᠠᠬᠢᠷᠭ᠎ᠠ  ᠳᠤ ᠲᠣᠰᠪᠤᠷᠢ ᠪᠠᠶᠢᠴᠠᠭᠠᠨ ᠰᠤᠳᠤᠯᠤᠯᠳᠠ ᠳᠤ

ᠬᠡᠷᠡᠭᠯᠡᠬᠦ ᠲᠡᠷᠭᠡ  ᠶᠢ 4 ᠠᠴᠠ ᠢᠯᠡᠬᠦᠤ ᠦᠯᠡᠳᠡᠭᠡᠵᠦ ᠪᠤᠯᠬᠤ ᠦᠭᠡᠢ᠃ ᠠᠶᠢᠮᠠᠭ  ᠤᠨ ᠠᠷᠠᠳ  ᠤᠨ

ᠲᠦᠯᠦᠭᠡᠯᠡᠭᠴᠢᠳ  ᠤᠨ ᠶᠡᠭᠡ ᠬᠤᠷᠠᠯ  ᠤᠨ ᠠᠵᠢᠯ  ᠤᠨ ᠵᠦᠪᠯᠡᠯ᠂ ᠤᠯᠤᠰ ᠲᠦᠷᠦ ᠶᠢᠨ ᠵᠦᠪᠯᠡᠯᠭᠡᠨ ᠪᠠ ᠠᠶᠢᠮᠠᠭ

 ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠨᠢ ᠲᠤᠰᠪᠤᠷᠢ ᠪᠠᠶᠢᠴᠠᠭᠠᠨ ᠰᠤᠳᠤᠯᠤᠯᠳᠠ  ᠳᠤ ᠬᠡᠷᠡᠭᠯᠡᠬᠦ ᠲᠡᠷᠭᠡ 2

 ᠠᠴᠠ ᠢᠯᠡᠬᠦᠤ ᠦᠯᠡᠳᠡᠭᠡᠵᠦ ᠪᠤᠯᠬᠤ ᠦᠭᠡᠢ᠃ ᠠᠶᠢᠮᠠᠭ  ᠤᠨ ᠠᠷᠠᠳ ᠤᠨ ᠲᠤᠮᠳᠠ ᠵᠡᠷᠭᠡ  ᠶᠢᠨ ᠰᠢᠬᠦᠬᠦ ᠬᠤᠷᠢᠶ᠎ᠠ᠂

ᠪᠠᠶᠢᠴᠠᠭᠠᠬᠤ ᠬᠤᠪᠢᠶᠠᠷᠢ ᠬᠤᠷᠢᠶ᠎ᠠ ᠪᠠ ᠠᠶᠢᠮᠠᠭ  ᠤᠨ ᠬᠦᠯᠢᠶᠡᠨ ᠠᠪᠴᠦ ᠵᠤᠴᠢᠯᠠᠬᠤ ᠠᠯᠪᠠᠨ ᠬᠡᠷ ᠪᠠᠶᠢᠴᠠᠭᠠᠨ

ᠰᠤᠳᠤᠯᠤᠯᠳᠠ  ᠳᠤ ᠬᠡᠷᠡᠭᠯᠡᠬᠦ ᠲᠡᠷᠭᠡ 1 ᠠᠴᠠ ᠢᠯᠡᠬᠦᠤ ᠦᠯᠡᠳᠡᠭᠡᠵᠦ ᠪᠤᠯᠬᠤ ᠦᠭᠡᠢ᠂ ᠪᠠᠶᠢᠴᠠᠭᠠᠨ ᠰᠤᠳᠤᠯᠤᠯᠳᠠ

 ᠳᠤ ᠬᠡᠷᠡᠭᠯᠡᠬᠦ ᠲᠡᠷᠭᠡ  ᠶᠢᠨ ᠬᠡᠯᠪᠡᠷᠢ  ᠶᠢ ᠲᠤᠮᠳᠠ ᠬᠡᠯᠪᠡᠷᠢ ᠶᠢᠨ ᠵᠤᠴᠢᠳ  ᠤᠨ ᠲᠡᠷᠭᠡ ᠪᠠᠷ ᠭᠤᠤᠯ ᠪᠤᠯᠭᠠᠨ᠎ᠠ᠃

ᠡᠯ᠎ᠡ ᠬᠤᠰᠢᠭᠤ ᠰᠢᠶᠠᠨ ᠬᠤᠳᠠ ᠤᠷᠤᠨ  ᠤ ᠲᠤᠰ ᠱᠠᠳᠤ ᠨᠢ ᠬᠠᠨᠳᠤᠯᠭᠠᠳᠦ ᠪᠤᠳᠠᠰ ᠤᠨ ᠪᠠᠳᠤᠯᠠᠭ᠎ᠠ  ᠶᠢᠨ ᠲᠡᠷᠭᠡ

 ᠶᠢ ᠭᠠᠷᠭᠠᠪᠠᠯ᠂ ᠬᠤᠰᠢᠭᠤ ᠰᠢᠶᠠᠨ ᠬᠤᠳᠠ ᠤᠷᠤᠨ ᠨᠢᠭᠡᠪᠤᠷᠢ ︵ᠡᠷᠢᠶᠡᠨ ᠬᠤᠳᠠ  ᠶᠢ ᠪᠠᠭᠳᠠᠭᠠᠬᠤ ᠦᠭᠡᠢ︶

 ᠶᠢᠨ ᠲᠤᠰ ᠱᠠᠳᠤ ᠨᠢ ᠨᠢᠭᠤᠴᠠ ᠴᠢᠮᠡᠭᠡ ᠬᠤᠯᠪᠤᠭᠠᠨ  ᠤ ᠪᠠᠴᠢᠮ ᠠᠷᠭᠠᠴᠠᠬᠤ ᠪᠠ ᠪᠠᠶᠢᠴᠠᠭᠠᠨ ᠰᠤᠳᠤᠯᠤᠯᠳᠠ  ᠳᠤ

ᠬᠡᠷᠡᠭᠯᠡᠬᠦ ᠲᠡᠷᠭᠡ ︵ᠡᠬᠦᠨ  ᠳᠤ᠄ ᠨᠢᠭᠤᠴᠠ ᠴᠢᠮᠡᠭᠡ ᠬᠤᠯᠪᠤᠭᠠᠨ  ᠤ ᠪᠠᠴᠢᠮ ᠠᠷᠭᠠᠴᠠᠬᠤ  ᠳᠤ ᠬᠡᠷᠡᠭᠯᠡᠬᠦ ᠲᠡᠷᠭᠡ

85᠂ ᠪᠠᠶᠢᠴᠠᠭᠠᠨ ᠰᠤᠳᠤᠯᠤᠯᠳᠠ  ᠳᠤ ᠬᠡᠷᠡᠭᠯᠡᠬᠦ ᠲᠡᠷᠭᠡ 3︶  ᠶᠢ ᠬᠠᠮᠤᠭ ᠤᠯᠠᠨ ᠳᠠᠭᠠᠨ 88  ᠶᠢ ᠦᠯᠡᠳᠡᠭᠡᠵᠦ

᠂   ᠤᠯᠠᠭᠠᠢ ᠬᠠᠮᠢᠶᠠᠷᠤᠯᠳᠠ  ᠶᠢᠨ ᠤᠷᠤᠨ ᠨᠢᠭᠤᠴᠠ ᠴᠢᠮᠡᠭᠡ ᠬᠤᠯᠪᠤᠭᠠᠨ  ᠤ ᠪᠠᠴᠢᠮ ᠠᠷᠭᠠᠴᠠᠬᠤ ᠪᠠ ᠪᠠᠶᠢᠴᠠᠭᠠᠨ

ᠰᠤᠳᠤᠯᠤᠯᠳᠠ  ᠳᠤ ᠬᠡᠷᠡᠭᠯᠡᠬᠦ ᠲᠡᠷᠭᠡ ︵ᠡᠬᠦᠨ  ᠳᠤ ᠨᠢᠭᠤᠴᠠ ᠴᠢᠮᠡᠭᠡ ᠬᠤᠯᠪᠤᠭᠠᠨ  ᠤ ᠪᠠᠴᠢᠮ ᠠᠷᠭᠠᠴᠠᠬᠤ  ᠳᠤ

ᠬᠡᠷᠡᠭᠯᠡᠬᠦ ᠲᠡᠷᠭᠡ 57᠂ ᠪᠠᠶᠢᠴᠠᠭᠠᠨ ᠰᠤᠳᠤᠯᠤᠯᠳᠠ  ᠳᠤ ᠬᠡᠷᠡᠭᠯᠡᠬᠦ ᠲᠡᠷᠭᠡ 3︶  ᠶᠢ ᠬᠠᠮᠤᠭ ᠤᠯᠠᠨ ᠳᠠᠭᠠᠨ 60

 ᠶᠢ ᠦᠯᠡᠳᠡᠭᠡᠵᠦ᠂   ᠰᠤᠮᠤ ᠰᠢᠶᠠᠩ ᠪᠠᠯᠭᠠᠰᠤ ᠨᠢᠭᠡᠪᠤᠷᠢ ︵ᠬᠡᠷᠡᠭ ᠡᠷᠬᠢᠯᠡᠬᠦ ᠭᠠᠵᠠᠷ  ᠢ ᠪᠠᠭᠳᠠᠭᠠᠬᠤ ᠦᠭᠡᠢ︶

ᠨᠢᠭᠤᠴᠠ ᠴᠢᠮᠡᠭᠡ ᠬᠤᠯᠪᠤᠭᠠᠨ  ᠤ ᠪᠠᠴᠢᠮ ᠠᠷᠭᠠᠴᠠᠬᠤ ᠲᠡᠷᠭᠡ  ᠶᠢ ᠬᠠᠮᠤᠭ   ᠤᠯᠠᠨ ᠳᠠᠭᠠᠨ 1  ᠶᠢ ᠦᠯᠡᠳᠡᠭᠡᠵᠦ

ᠪᠤᠯᠤᠨ᠎ᠠ᠃   ᠰᠢᠯᠢ  ᠶᠢᠨ ᠬᠤᠳᠠ  ᠶᠢᠨ ᠡᠯ᠎ᠡ ᠬᠡᠷᠡᠭ ᠡᠷᠬᠢᠯᠡᠬᠦ ᠭᠠᠵᠠᠷ ᠨᠢ ᠬᠤᠳᠠ  ᠶᠢᠨ ᠰᠢᠭᠤᠳ ᠬᠠᠷᠢᠶ᠎ᠠ

ᠰᠠᠯᠠᠭ᠎ᠠ ᠮᠦᠴᠢᠷ ᠲᠠᠢ ᠠᠳᠠᠯᠢ ᠪᠠᠷᠢᠮᠵᠢᠶ᠎ᠠ ᠲᠠᠢ᠃   ᠡᠯ᠎ᠡ ᠬᠤᠰᠢᠭᠤ ᠰᠢᠶᠠᠨ ᠬᠤᠳᠠ ᠤᠷᠤᠨ ᠨᠢ ︵ᠡᠷᠢᠶᠡᠨ

ᠬᠤᠳᠠ  ᠶᠢ ᠪᠠᠭᠳᠠᠭᠠᠬᠤ ᠦᠭᠡᠢ︶ ᠠᠶᠢᠮᠠᠭ  ᠤᠨ ᠲᠤᠭᠳᠠᠭᠠᠭᠰᠠᠨ ᠲᠡᠷᠭᠡᠨ  ᠤ ᠤᠷᠤᠨ ᠲᠤᠭᠠᠨ  ᠤ ᠶᠡᠷᠦᠩᠭᠡᠢ

ᠬᠡᠮᠵᠢᠶ᠎ᠡ ᠪᠠᠷ ᠪᠤᠳᠠᠳᠠᠢ ᠲᠡᠷᠭᠡ ᠲᠤᠬᠢᠷᠠᠭᠤᠯᠬᠤ ᠲᠦᠰᠦᠯ ᠲᠤᠭᠳᠠᠭᠠᠵᠦ᠂ ᠡᠯ᠎ᠡ ᠬᠤᠰᠢᠭᠤ ᠰᠢᠶᠠᠨ ᠬᠤᠳᠠ ᠤᠷᠤᠨ

 ᠤ ᠨᠠᠮ  ᠤᠨ ᠬᠤᠷᠢᠶ᠎ᠠ᠂ ᠵᠠᠰᠠᠭ  ᠤᠨ ᠤᠷᠳᠤᠨ ︵ᠬᠠᠮᠢᠶᠠᠷᠤᠯᠳᠠ ᠶᠢᠨ ᠵᠦᠪᠯᠡᠯ︶  ᠠᠴᠠ ᠵᠦᠪᠰᠢᠶᠡᠷᠡᠭᠰᠡᠨ  ᠤ

ᠲᠠᠷᠠᠭ᠎ᠠ ᠠᠶᠢᠮᠠᠭ  ᠤᠨ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠤᠳᠤᠷᠢᠳᠬᠤ

ᠲᠤᠭᠤᠶᠢᠯᠠᠩ   ᠳᠤ ᠮᠡᠳᠡᠭᠦᠯᠵᠦ   ᠬᠢᠨᠠᠨ ᠵᠦᠪᠰᠢᠶᠡᠷᠡᠬᠦᠯᠦᠨ᠎ᠡ᠃

        ᠤᠨᠴᠠᠭᠠᠢ ᠲᠤᠰᠬᠠᠢ ᠮᠡᠷᠭᠡᠵᠢᠯ  ᠤᠨ ᠬᠡᠷᠡᠭᠯᠡᠬᠦ ᠲᠡᠷᠭᠡ  ᠶᠢ ᠦᠯᠡᠳᠡᠭᠡᠨ᠎ᠡ᠃   ᠡᠳ᠋  ᠤᠨ ᠵᠠᠰᠠᠭ  ᠠᠴᠠ

ᠬᠢᠨᠠᠨ ᠲᠤᠭᠳᠠᠭᠠᠭᠰᠠᠨ ᠤᠨᠴᠠᠭᠠᠢ ᠲᠤᠰᠬᠠᠢ ᠮᠡᠷᠭᠡᠵᠢᠯ  ᠤᠨ ᠬᠡᠷᠡᠭᠯᠡᠬᠦ ᠲᠡᠷᠭᠡ  ᠶᠢ ᠪᠦᠬᠦᠨ  ᠢ ᠦᠯᠡᠳᠡᠭᠡᠬᠦ  ᠶᠢᠨ

ᠬᠠᠮᠳᠤ ᠠᠰ ᠲᠤᠨᠢ ᠤᠷᠤᠨ ᠲᠤᠭ᠎ᠠ ᠭᠠᠷᠭᠠᠨ᠎ᠠ᠃

        ᠲᠤᠭᠳᠠᠭᠠᠯ  ᠳᠤ ᠨᠡᠶᠢᠴᠡᠭᠰᠡᠨ ᠨᠢᠭᠡᠳᠦᠭᠡᠷ ᠹᠷᠤᠨᠲ ᠤᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠶᠢᠨ ᠠᠵᠢᠯ

 ᠤᠨ ᠪᠠᠶᠢᠷᠢ  ᠶᠢᠨ ᠲᠡᠷᠭᠡ  ᠶᠢ ᠦᠯᠡᠳᠡᠭᠡᠨ᠎ᠡ᠃ ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡᠨ  ᠤ

ᠬᠦᠷᠢᠶ᠎ᠡ ᠬᠡᠪᠴᠢᠶ᠎ᠡ᠂ ᠤᠷᠤᠨ ᠲᠤᠭ᠎ᠠ ᠪᠠ ᠪᠠᠷᠢᠮᠵᠢᠶ᠎ᠠ  ᠶᠢ ᠴᠢᠩᠭ᠎ᠠ ᠬᠢᠵᠠᠭᠠᠷᠯᠠᠨ᠎ᠠ᠃ 2011 ᠤᠨ  ᠳᠤ ᠲᠦᠪ

ᠬᠤᠷᠢᠶ᠎ᠠ ᠠᠴᠠ ᠨᠠᠮ ᠵᠠᠰᠠᠭ ᠤᠨ ᠪᠠᠶᠢᠭᠤᠯᠭ᠎ᠠ  ᠶᠢᠨ ᠠᠯᠪᠠᠨ  ᠳᠤ ᠬᠡᠷᠡᠭᠯᠡᠬᠦ ᠲᠡᠷᠭᠡᠨ ᠤ ᠠᠰᠠᠭᠤᠳᠠᠯ  ᠢ ᠲᠤᠰᠬᠠᠢ

ᠲᠦᠷᠦᠯ  ᠢᠶᠠᠷ ᠵᠠᠰᠠᠬᠤ ᠠᠵᠢᠯ  ᠢ ᠦᠷᠨᠢᠬᠦᠯᠬᠦ  ᠳᠤ ᠲᠤᠳᠤᠷᠬᠠᠶᠢᠯᠠᠭᠰᠠᠨ 17   ᠬᠠᠤᠯᠢ ᠬᠡᠷᠡᠭᠵᠢᠬᠦᠯᠬᠦ ᠵᠢᠵᠢᠬᠦᠷᠯᠡᠬᠦ

ᠰᠠᠯᠠᠭ᠎ᠠ ᠮᠦᠴᠢᠷ ︵ᠦᠪᠡᠷᠳᠡᠭᠡᠨ ᠵᠠᠰᠠᠬᠤ ᠤᠷᠤᠨ 12︶ ᠨᠢ ᠬᠠᠤᠯᠢ ᠬᠡᠷᠡᠭᠵᠢᠬᠦᠯᠬᠦ ᠵᠢᠵᠢᠬᠦᠷᠯᠡᠬᠦ ᠲᠡᠷᠭᠡᠨ  ᠤ

ᠤᠷᠤᠨ ᠲᠤᠭ᠎ᠠ  ᠶᠢ ᠴᠢᠩᠭ᠎ᠠ ᠬᠢᠵᠠᠭᠠᠷᠯᠠᠬᠤ  ᠶᠢᠨ ᠬᠠᠮᠳᠤ ᠤᠨᠴᠠᠭᠠᠢ ᠲᠤᠰᠬᠠᠢ ᠮᠡᠷᠭᠡᠵᠢᠯ  ᠤᠨ ᠲᠡᠷᠭᠡᠨ  ᠤ ᠤᠷᠤᠨ

ᠲᠤᠭ᠎ᠠ  ᠶᠢ ᠬᠠᠰᠤᠭᠰᠠᠨ ᠰᠠᠭᠤᠷᠢᠨ ᠲᠡᠭᠡᠷ᠎ᠡ᠂ ᠦᠯᠡᠳᠡᠭᠡᠬᠦ ᠬᠠᠷᠢᠴᠠᠯ  ᠢ   ᠠᠶᠢᠮᠠᠭ  ᠤᠨ   ᠲᠤᠰ ᠱᠠᠳᠤᠨ  ᠳᠤ

60%   ᠠᠴᠠ ᠲᠠᠪᠠᠭᠤᠯᠬᠤ ᠦᠭᠡᠢ᠂ ᠬᠤᠰᠢᠭᠤ ᠰᠢᠶᠠᠨ  ᠤ ᠱᠠᠳᠤ ᠵᠢᠴᠢ ᠲᠤᠷᠤᠭᠰᠢᠬᠢ ᠱᠠᠳᠤᠨ  ᠳᠤ 70%

 ᠶᠢᠨ ᠪᠠᠷᠢᠮᠵᠢᠶ᠎ᠠ  ᠠᠴᠠ ᠬᠡᠳᠦᠷᠡᠬᠦᠯᠬᠦ ᠦᠭᠡᠢ ᠪᠠᠷ ᠬᠡᠷᠡᠭᠵᠢᠬᠦᠯᠦᠨ᠎ᠡ᠃ ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ

ᠬᠡᠷᠡᠭᠯᠡᠬᠦ ᠲᠡᠷᠭᠡ  ᠶᠢ ᠨᠢᠭᠡᠳᠦᠭᠡᠷ ᠹᠷᠤᠨᠲ  ᠤᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠠᠵᠢᠯ  ᠤᠨ ᠪᠠᠶᠢᠷᠢ  ᠳᠤ

ᠲᠤᠬᠢᠷᠠᠭᠤᠯᠬᠤ ᠪᠠᠷ ᠴᠢᠩᠭ᠎ᠠ ᠬᠢᠵᠠᠭᠠᠷᠯᠠᠵᠦ᠂ ᠪᠠᠶᠢᠭᠤᠯᠭ᠎ᠠ  ᠶᠢᠨ ᠲᠤᠳᠤᠭᠠᠳᠦ  ᠶᠢᠨ ᠬᠠᠮᠢᠶᠠᠷᠤᠯᠳᠠ ᠪᠠ ᠠᠷᠤ

ᠲᠠᠯ᠎ᠠ  ᠶᠢᠨ ᠠᠵᠢᠯ ᠤᠨ ᠪᠠᠶᠢᠷᠢ ᠵᠢᠴᠢ ᠪᠠᠶᠢᠭᠤᠯᠭ᠎ᠠ  ᠳᠤ ᠬᠠᠷᠢᠶᠠᠯᠠᠭᠳᠠᠵᠦ ᠪᠠᠶᠢᠭ᠎ᠠ ᠠᠵᠢᠯ ᠦᠢᠯᠡᠰ  ᠤᠨ ᠨᠢᠭᠡᠴᠡ

 ᠳᠤ ᠶᠠᠭᠠᠬᠢᠭᠰᠠᠨ ᠴᠦ ᠲᠤᠬᠢᠷᠠᠭᠤᠯᠵᠦ ᠪᠤᠯᠬᠤ ᠦᠭᠡᠢ᠃ ᠡᠯ᠎ᠡ ᠰᠠᠯᠠᠭ᠎ᠠ ᠮᠦᠴᠢᠷ ᠤᠨ ᠬᠠᠤᠯᠢ ᠬᠡᠷᠡᠭᠵᠢᠬᠦᠯᠬᠦ

ᠵᠢᠵᠢᠬᠦᠷᠯᠡᠬᠦ  ᠳᠤ ᠬᠡᠷᠡᠭᠯᠡᠬᠦ ᠲᠡᠷᠭᠡ ᠨᠢ ᠬᠢᠨᠠᠨ ᠲᠤᠭᠳᠠᠭᠠᠭᠰᠠᠨ ᠬᠠᠰᠤᠨ ᠴᠦᠭᠡᠳᠭᠡᠬᠦ ᠬᠠᠷᠢᠴᠠᠯ  ᠳᠤ ᠬᠦᠷᠬᠦ ᠦᠭᠡᠢ

ᠪᠤᠯ ᠢᠯᠡᠬᠦᠤ ᠦᠯᠡᠳᠡᠭᠰᠡᠨ ᠲᠡᠷᠭᠡ ᠨᠢᠭᠡᠪᠤᠷᠢ ᠠᠴᠠ ᠵᠢᠯ ᠪᠦᠷᠢ ᠲᠤᠰ ᠰᠠᠯᠠᠭ᠎ᠠ ᠮᠦᠴᠢᠷ  ᠤᠨ ᠵᠠᠮ ᠬᠠᠷᠢᠯᠴᠠᠭᠠᠨ  ᠤ

ᠨᠦᠬᠦᠪᠤᠷᠢ ᠵᠠᠷᠤᠳᠠᠯ  ᠠᠴᠠ 6   ᠲᠦᠮᠡᠨ ᠲᠦᠬᠦᠷᠢᠭ ᠬᠠᠰᠤᠨ᠎ᠠ︔ ᠦᠯᠡᠳᠡᠭᠡᠬᠦ ᠲᠡᠷᠭᠡᠨ  ᠤ ᠬᠠᠷᠢᠴᠠᠯ ᠨᠢ 90%

 ᠠᠴᠠ ᠬᠡᠳᠦᠷᠡᠭᠰᠡᠨ ᠰᠠᠯᠠᠭ᠎ᠠ ᠮᠦᠴᠢᠷ  ᠲᠤ ᠵᠠᠮ ᠬᠠᠷᠢᠯᠴᠠᠭᠠᠨ  ᠤ ᠨᠦᠬᠦᠪᠤᠷᠢ   ᠲᠠᠷᠬᠠᠭᠠᠬᠤ ᠦᠭᠡᠢ᠃ ᠠᠶᠢᠮᠠᠭ

 ᠤᠨ ᠲᠤᠰ ᠱᠠᠳᠤ ᠪᠠ ᠡᠯ᠎ᠡ ᠬᠤᠰᠢᠭᠤ ᠰᠢᠶᠠᠨ ᠬᠤᠳᠠ ᠤᠷᠤᠨ ᠨᠢ ᠰᠤᠷᠠᠭ ᠴᠢᠮᠡᠭᠡᠵᠢᠯᠳᠡ  ᠶᠢᠨ ᠬᠠᠮᠢᠶᠠᠷᠤᠯᠳᠠ

 ᠪᠠᠷ ᠰᠠᠭᠤᠷᠢ ᠪᠤᠯᠭᠠᠵᠦ᠂ ᠰᠠᠯᠠᠭ᠎ᠠ ᠮᠦᠴᠢᠷ ᠰᠤᠨᠳᠠᠯᠠᠬᠤ ᠪᠤᠶᠤ ᠰᠠᠯᠠᠭ᠎ᠠ ᠮᠦᠴᠢᠷ ᠬᠤᠪᠢᠶᠠᠷᠢᠯᠠᠬᠤ  ᠶᠢ ᠬᠠᠷᠢᠯᠴᠠᠨ

ᠤᠶᠠᠯᠳᠤᠭᠤᠯᠤᠭᠰᠠᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠲᠡᠷᠭᠡᠨ  ᠤ ᠬᠠᠮᠢᠶᠠᠷᠤᠯᠳᠠ  ᠶᠢᠨ ᠲᠠᠪᠴᠠᠩ  ᠢ

ᠪᠠᠶᠢᠭᠤᠯᠵᠦ᠂ 2   ᠵᠢᠯ  ᠤᠨ ᠲᠤᠳᠤᠷ᠎ᠠ ᠪᠦᠳᠦᠭᠡᠨ ᠪᠠᠶᠢᠭᠤᠯᠤᠨ ᠤᠷᠤᠨ ᠪᠠᠶᠢᠷᠢᠨ ᠳᠤᠨᠢ ᠬᠦᠷᠭᠡᠨ᠎ᠡ᠃

        ᠲᠦᠪ ᠬᠤᠷᠢᠶᠠᠨ  ᠤ ᠬᠢᠨᠠᠨ ᠲᠤᠭᠳᠠᠭᠠᠭᠰᠠᠨ 17 ᠬᠠᠤᠯᠢ ᠬᠡᠷᠡᠭᠵᠢᠬᠦᠯᠬᠦ ᠵᠢᠵᠢᠬᠦᠷᠯᠡᠬᠦ ᠰᠠᠯᠠᠭ᠎ᠠ ᠮᠦᠴᠢᠷ

 ᠠᠴᠠ ᠭᠠᠳᠠᠨ᠎ᠠ ︵ᠦᠪᠡᠷᠳᠡᠭᠡᠨ ᠵᠠᠰᠠᠬᠤ ᠤᠷᠤᠨ 12︶᠂ ᠪᠤᠰᠤᠳ ᠵᠠᠰᠠᠭ ᠵᠠᠬᠢᠷᠭᠠᠨ  ᠤ ᠬᠠᠤᠯᠢ ᠬᠡᠷᠡᠭᠵᠢᠬᠦᠯᠬᠦ

ᠡᠬᠦᠷᠭᠡ ᠴᠢᠳᠠᠪᠬᠢᠳᠦ ᠰᠠᠯᠠᠭ᠎ᠠ ᠮᠦᠴᠢᠷ ︵ᠦᠪᠡᠷᠳᠡᠭᠡᠨ ᠵᠠᠰᠠᠬᠤ ᠤᠷᠤᠨ  ᠤ ᠬᠢᠨᠠᠨ ᠲᠤᠭᠳᠠᠭᠠᠭᠰᠠᠨ 15  

ᠰᠠᠯᠠᠭ᠎ᠠ ᠮᠦᠴᠢᠷ︶ ᠨᠢ ᠤᠳᠤ ᠶᠢᠨ ᠪᠠᠶᠢᠭ᠎ᠠ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ  ᠳᠤ ᠬᠡᠷᠡᠭᠯᠡᠬᠦ ᠲᠡᠷᠭᠡᠨ  ᠤ

ᠲᠤᠭ᠎ᠠ  ᠶᠢ ᠴᠢᠩᠭ᠎ᠠ ᠬᠢᠨᠠᠨ ᠲᠤᠭᠳᠠᠭᠠᠭᠰᠠᠨ ᠰᠠᠭᠤᠷᠢᠨ ᠲᠡᠭᠡᠷ᠎ᠡ᠂ ᠠᠶᠢᠮᠠᠭ  ᠤᠨ ᠲᠤᠰ ᠱᠠᠳᠤᠨ  ᠳᠤ 50%  

 ᠠᠴᠠ ᠬᠡᠳᠦᠷᠡᠬᠦᠯᠬᠦ ᠦᠭᠡᠢ᠂ ᠬᠤᠰᠢᠭᠤ ᠰᠢᠶᠠᠨ ᠤ ᠱᠠᠳᠤ ᠵᠢᠴᠢ ᠲᠤᠷᠤᠭᠰᠢᠬᠢ ᠱᠠᠳᠤᠨ  ᠳᠤ 60%  ᠠᠴᠠ

ᠬᠡᠳᠦᠷᠡᠬᠦᠯᠬᠦ ᠦᠭᠡᠢ ᠬᠠᠷᠢᠴᠠᠯ  ᠢᠶᠠᠷ ᠦᠯᠡᠳᠡᠭᠡᠨ᠎ᠡ᠃ ᠦᠯᠡᠳᠡᠭᠡᠭᠰᠡᠨ ᠵᠠᠰᠠᠭ ᠵᠠᠬᠢᠷᠭᠠᠨ  ᠤ ᠬᠠᠤᠯᠢ ᠬᠡᠷᠡᠭᠵᠢᠬᠦᠯᠬᠦ

ᠲᠡᠷᠭᠡ  ᠶᠢ ᠪᠦᠬᠦᠨ  ᠢ ᠡᠯ᠎ᠡ ᠱᠠᠳᠤᠨ  ᠤ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠲᠡᠷᠭᠡᠨ  ᠤ ᠲᠠᠪᠴᠠᠩ  ᠳᠤ

ᠤᠷᠤᠭᠤᠯᠵᠦ᠂ ᠠᠯᠪᠠᠨ  ᠤ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠶᠡᠷᠦᠩᠭᠡᠶᠢᠯᠡᠭᠰᠡᠨ ᠬᠠᠤᠯᠢ

ᠬᠡᠷᠡᠭᠵᠢᠬᠦᠯᠬᠦ ᠲᠠᠪᠴᠠᠩ ᠪᠠᠶᠢᠭᠤᠯᠵᠦ᠂ ᠲᠡᠷᠭᠡ  ᠶᠢ ᠲᠦᠪᠯᠡᠷᠡᠬᠦᠯᠦᠨ ᠬᠠᠮᠢᠶᠠᠷᠴᠦ ᠨᠢᠭᠡᠳᠦᠯᠳᠡᠢ ᠲᠤᠬᠢᠷᠠᠭᠤᠯᠤᠨ

ᠬᠡᠷᠡᠭᠯᠡᠵᠦ᠂   ᠡᠳ᠋  ᠤᠨ ᠵᠠᠰᠠᠭ  ᠠᠴᠠ ᠪᠦᠬᠦ ᠲᠤᠭ᠎ᠠ ᠪᠠᠷ ᠪᠠᠳᠤᠯᠠᠨ᠎ᠠ᠃

ᠦᠭᠡᠷᠡᠴᠢᠯᠡᠯᠳᠡ  ᠳᠤ ᠤᠷᠤᠯᠴᠠᠭᠤᠯᠬᠤ ᠬᠦᠷᠢᠶ᠎ᠡ ᠬᠡᠪᠴᠢᠶᠡᠨ  ᠤ ᠠᠵᠢᠯᠳᠠᠨ ᠪᠠ ᠲᠡᠷᠭᠡ ᠯᠠ ᠪᠤᠯ ᠡᠷᠭᠡᠪᠰᠢ

ᠦᠭᠡᠷᠡᠴᠢᠯᠡᠬᠦ ᠵᠤᠬᠢᠰᠳᠠᠢ  ᠶᠢ ᠴᠦᠮ ᠦᠭᠡᠷᠡᠴᠢᠯᠡᠵᠦ᠂ ᠨᠢᠭᠡ  ᠶᠢ ᠴᠦ ᠦᠯᠡᠳᠡᠭᠡᠬᠦ ᠦᠭᠡᠢ᠃

        ︵ᠬᠤᠶᠠᠷ︶ ᠦᠭᠡᠷᠡᠴᠢᠯᠡᠯᠳᠡ  ᠶᠢᠨ ᠬᠡᠯᠪᠡᠷᠢ

       ⒈ ᠨᠦᠬᠦᠪᠤᠷᠢ ᠶᠢᠨ ᠪᠠᠷᠢᠮᠵᠢᠶ᠎ᠠ᠃ ᠦᠪᠡᠷᠳᠡᠭᠡᠨ ᠵᠠᠰᠠᠬᠤ ᠤᠷᠤᠨ  ᠤ ᠲᠤᠭᠳᠠᠭᠠᠯ ᠱᠠᠭᠠᠷᠳᠠᠯᠭ᠎ᠠ  ᠶᠢ

ᠦᠨᠳᠦᠰᠦᠯᠡᠵᠦ᠂ ᠪᠦᠬᠦ ᠠᠶᠢᠮᠠᠭ  ᠤᠨ ᠠᠯᠪᠠᠨ  ᠤ ᠶᠠᠪᠤᠳᠠᠯ  ᠤᠨ ᠵᠠᠮ ᠬᠠᠷᠢᠯᠴᠠᠭᠠᠨ  ᠤ ᠨᠦᠬᠦᠪᠤᠷᠢ  ᠶᠢ 7 ᠲᠡᠰ

ᠲᠠᠪᠬᠤᠷᠭ᠎ᠠ ᠪᠠᠷ ᠬᠤᠪᠢᠶᠠᠵᠦ᠂ ᠨᠦᠬᠦᠪᠤᠷᠢ  ᠶᠢᠨ ᠪᠠᠷᠢᠮᠵᠢᠶᠠᠨ  ᠤ ᠲᠡᠭᠡᠳᠦ ᠬᠢᠵᠠᠭᠠᠷᠯᠠᠯ ᠨᠢ᠄ ᠵᠢᠩᠬᠢᠨᠢ ᠲᠢᠩᠬᠢᠮ

 ᠤᠨ ᠲᠡᠰ  ᠤᠨ ᠬᠦᠮᠦᠨ ᠪᠦᠷᠢ ᠳᠤ ᠰᠠᠷ᠎ᠠ ᠪᠦᠷᠢ 1950 ᠲᠦᠬᠦᠷᠢᠭ᠂ ᠲᠡᠳ᠋ ᠲᠢᠩᠬᠢᠮ  ᠤᠨ ᠲᠡᠰ  ᠤᠨ ᠬᠦᠮᠦᠨ

ᠪᠦᠷᠢ  ᠳᠤ   ᠰᠠᠷ᠎ᠠ ᠪᠦᠷᠢ 1800 ᠲᠦᠬᠦᠷᠢᠭ᠂ ᠵᠢᠩᠬᠢᠨᠢ ᠭᠠᠵᠠᠷ  ᠤᠨ ᠲᠡᠰ  ᠤᠨ ᠬᠦᠮᠦᠨ ᠪᠦᠷᠢ ᠳᠤ ᠰᠠᠷ᠎ᠠ

ᠪᠦᠷᠢ 1200 ᠲᠦᠬᠦᠷᠢᠭ᠂ ᠲᠡᠳ᠋ ᠭᠠᠵᠠᠷ  ᠤᠨ ᠲᠡᠰ  ᠤᠨ ᠬᠦᠮᠦᠨ ᠪᠦᠷᠢ   ᠳᠤ ᠰᠠᠷ᠎ᠠ ᠪᠦᠷᠢ 1050  

ᠲᠦᠬᠦᠷᠢᠭ᠂ ᠵᠢᠩᠬᠢᠨᠢ ᠰᠠᠯᠠᠭᠠᠨ ᠲᠡᠰ  ᠤᠨ ᠬᠦᠮᠦᠨ ᠪᠦᠷᠢ   ᠳᠤ ᠰᠠᠷ᠎ᠠ ᠪᠦᠷᠢ 750 ᠲᠦᠬᠦᠷᠢᠭ᠂ ᠲᠡᠳ᠋

ᠰᠠᠯᠠᠭᠠᠨ ᠲᠡᠰ  ᠤᠨ ᠬᠦᠮᠦᠨ ᠪᠦᠷᠢ  ᠳᠤ ᠰᠠᠷ᠎ᠠ ᠪᠦᠷᠢ 600 ᠲᠦᠬᠦᠷᠢᠭ᠂   ᠰᠠᠯᠠᠭᠠᠨ  ᠤ ᠠᠵᠢᠯᠳᠠᠨ ᠵᠢᠴᠢ

ᠲᠤᠷᠤᠭᠰᠢᠬᠢ ᠬᠦᠮᠦᠨ ᠪᠦᠷᠢ ᠳᠤ ᠰᠠᠷ᠎ᠠ ᠪᠦᠷᠢ 450 ᠲᠦᠬᠦᠷᠢᠭ ᠪᠤᠯᠤᠨ᠎ᠠ᠃   ᠵᠠᠰᠠᠭ ᠵᠠᠬᠢᠷᠭᠠᠨ  ᠤ ᠪᠠᠶᠢᠭᠤᠯᠭ᠎ᠠ

 ᠶᠢᠨ ᠠᠵᠢᠯᠴᠢᠨ  ᠤ ᠨᠦᠬᠦᠪᠤᠷᠢ  ᠶᠢ ᠲᠡᠷᠬᠠᠭᠠᠬᠤ ᠪᠠᠷᠢᠮᠵᠢᠶᠠᠨ  ᠤ ᠲᠡᠭᠡᠳᠦ ᠬᠢᠵᠠᠭᠠᠷᠯᠠᠯ ᠨᠢ᠄   ᠲᠡᠭᠡᠳᠦ ᠲᠡᠰ

 ᠤᠨ ᠮᠠᠰᠲ᠋ᠧᠷ ᠲᠤ ᠬᠦᠮᠦᠨ ᠪᠦᠷᠢ ᠰᠠᠷ᠎ᠠ ᠪᠦᠷᠢ 750 ᠲᠦᠬᠦᠷᠢᠭ᠂ ᠮᠠᠰᠲ᠋ᠧᠷ  ᠲᠤ ᠬᠦᠮᠦᠨ ᠪᠦᠷᠢ ᠰᠠᠷ᠎ᠠ ᠪᠦᠷᠢ

600   ᠲᠦᠬᠦᠷᠢᠭ᠂   ᠲᠡᠭᠡᠳᠦ ᠲᠡᠰ  ᠤᠨ ᠠᠵᠢᠯᠴᠢᠨ ᠵᠢᠴᠢ ᠲᠤᠷᠤᠭᠰᠢᠬᠢ ᠬᠦᠮᠦᠰ ᠲᠤ ᠬᠦᠮᠦᠨ ᠪᠦᠷᠢ ᠰᠠᠷ᠎ᠠ

ᠪᠦᠷᠢ 450 ᠲᠦᠬᠦᠷᠢᠭ ᠪᠤᠯᠤᠨ᠎ᠠ᠃

       ⒉ ᠨᠦᠬᠦᠪᠤᠷᠢ  ᠶᠢᠨ ᠬᠡᠯᠪᠡᠷᠢ᠃ ᠠᠯᠪᠠᠨ ᠶᠠᠪᠤᠳᠠᠯ  ᠤᠨ ᠵᠠᠮ ᠬᠠᠷᠢᠯᠴᠠᠭᠠᠨ  ᠤ ᠨᠦᠬᠦᠪᠤᠷᠢ ᠨᠢ

ᠦᠭᠡᠷᠡᠴᠢᠯᠡᠯᠳᠡ ᠶᠢᠨ ᠴᠢᠨᠠᠷᠳᠠᠢ ᠨᠦᠬᠦᠪᠤᠷᠢ  ᠳᠤ ᠬᠠᠷᠢᠶᠠᠯᠠᠭᠳᠠᠬᠤ ᠪᠤᠯᠬᠤᠷ   ᠡᠳ᠋  ᠤᠨ ᠵᠠᠰᠠᠭ  ᠤᠨ ᠲᠦᠰᠦᠪ

 ᠲᠤ ᠤᠷᠤᠭᠤᠯᠵᠦ᠂   ᠵᠠᠮ ᠬᠠᠷᠢᠯᠴᠠᠭᠠᠨ  ᠤ ᠰᠦᠢᠳᠭᠡᠯ  ᠳᠤ ᠵᠢᠬᠰᠠᠭᠠᠵᠦ᠂   ᠰᠠᠷ᠎ᠠ ᠪᠠᠷ ᠬᠤᠪᠢᠶᠠᠷᠢᠯᠠᠨ ᠬᠤᠪᠢ

ᠬᠦᠮᠦᠨ  ᠳᠤ ᠲᠠᠷᠬᠠᠭᠠᠵᠦ᠂ ᠠᠯᠪᠠᠨ ᠠᠵᠢᠯᠳᠠᠨ  ᠤ ᠡᠩ  ᠤᠨ ᠠᠯᠪᠠᠨ  ᠤ ᠶᠠᠪᠤᠳᠠᠯ ᠢᠶᠠᠷ ᠭᠠᠳᠠᠭᠰᠢ ᠭᠠᠷᠬᠤ ᠶᠢ

ᠪᠠᠳᠤᠯᠠᠨ᠎ᠠ᠃

      ᠠᠯᠪᠠᠨ  ᠤ ᠶᠠᠪᠤᠳᠠᠯ  ᠤᠨ ᠵᠠᠮ ᠬᠠᠷᠢᠯᠴᠠᠭᠠᠨ  ᠤ ᠨᠦᠬᠦᠪᠤᠷᠢ  ᠶᠢᠨ ᠪᠠᠳᠤᠯᠠᠭ᠎ᠠ  ᠶᠢᠨ ᠰᠦᠢᠳᠭᠡᠯ  ᠢ

ᠠᠯᠪᠠᠨ  ᠤ ᠶᠠᠪᠤᠳᠠᠯ  ᠢᠶᠠᠷ ᠭᠠᠳᠠᠭᠰᠢ ᠭᠠᠷᠬᠤ ᠪᠠᠳᠤᠯᠠᠭ᠎ᠠ  ᠶᠢᠨ ᠰᠦᠢᠳᠭᠡᠯ ᠲᠠᠢ   ᠪᠦᠳᠦᠮᠵᠢᠳᠡᠢ

ᠤᠶᠠᠯᠳᠤᠭᠤᠯᠬᠤ ᠶᠢ ᠦᠨᠡᠨᠬᠦ ᠰᠠᠶᠢᠳᠤᠷ ᠬᠢᠬᠦ ᠬᠡᠷᠡᠭᠳᠡᠢ᠃ ᠠᠶᠢᠮᠠᠭ  ᠤᠨ ᠰᠢᠭᠤᠳ ᠬᠠᠷᠢᠶ᠎ᠠ ᠰᠠᠯᠠᠭ᠎ᠠ ᠮᠦᠴᠢᠷ  ᠤᠨ

ᠨᠢᠭᠡᠴᠡ  ᠶᠢᠨ ᠠᠯᠪᠠᠨ ᠠᠵᠢᠯᠳᠠᠨ ᠰᠢᠯᠢ  ᠶᠢᠨ ᠬᠤᠳᠠ ᠲᠤᠳᠤᠷ᠎ᠠ ᠨᠠᠰᠢ ᠴᠠᠰᠢ ᠶᠠᠪᠤᠬᠤ ᠳᠤ ᠨᠡᠶᠢᠭᠡᠮᠴᠢᠯᠡᠭᠰᠡᠨ

ᠬᠠᠩᠭᠠᠯᠭ᠎ᠠ ᠬᠡᠷᠡᠭᠵᠢᠬᠦᠯᠵᠦ᠂ ᠠᠯᠪᠠᠨ  ᠤ ᠵᠠᠮ ᠬᠠᠷᠢᠯᠴᠠᠭᠠᠨ  ᠤ ᠰᠦᠢᠳᠭᠡᠯ  ᠢ ᠲᠠᠬᠢᠵᠦ ᠲᠠᠩᠰᠠᠨ  ᠠᠴᠠ

ᠲᠠᠶᠢᠯᠬᠤ ᠦᠭᠡᠢ᠃ ᠤᠷᠤᠨ ᠲᠤᠭᠤᠷᠢᠭ ᠰᠤᠨᠳᠠᠯᠠᠭᠰᠠᠨ ᠠᠯᠪᠠᠨ  ᠤ ᠶᠠᠪᠤᠳᠠᠯ  ᠢ ᠭᠠᠳᠠᠭᠰᠢ ᠭᠠᠷᠤᠭᠰᠠᠨ  ᠢᠶᠠᠷ

ᠦᠵᠡᠵᠦ᠂ ᠬᠤᠯᠪᠤᠭᠳᠠᠯ ᠪᠦᠬᠦᠢ ᠵᠠᠮ ᠬᠠᠷᠢᠯᠴᠠᠭᠠᠨ  ᠤ ᠰᠦᠢᠳᠭᠡᠯ  ᠢ ᠬᠠᠮᠢᠶ᠎ᠠ ᠪᠦᠬᠦᠢ ᠠᠯᠪᠠᠨ  ᠤ ᠶᠠᠪᠤᠳᠠᠯ

 ᠢᠶᠠᠷ ᠭᠠᠳᠠᠭᠰᠢ ᠭᠠᠷᠬᠤ ᠬᠠᠮᠢᠶᠠᠷᠤᠯᠳᠠ  ᠶᠢᠨ ᠠᠷᠭ᠎ᠠ ᠪᠠᠷ ᠲᠠᠩᠰᠠ  ᠠᠴᠠ ᠲᠠᠶᠢᠯᠤᠨ᠎ᠠ᠃

        ᠡᠯ᠎ᠡ ᠬᠤᠰᠢᠭᠤ ᠰᠢᠶᠠᠨ ᠬᠤᠳᠠ ᠤᠷᠤᠨ  ᠤ ᠨᠠᠮ ᠵᠠᠰᠠᠭ  ᠤᠨ ᠪᠠᠶᠢᠭᠤᠯᠭ᠎ᠠ  ᠶᠢᠨ ᠠᠯᠪᠠᠨ ᠠᠵᠢᠯᠳᠠᠨ ᠨᠢ

ᠲᠤᠰ ᠬᠤᠰᠢᠭᠤ ᠰᠢᠶᠠᠨ ᠬᠤᠳᠠ ᠤᠷᠤᠨ  ᠤ ᠨᠠᠮ  ᠤᠨ ᠬᠤᠷᠢᠶ᠎ᠠ᠂ ᠵᠠᠰᠠᠭ  ᠤᠨ ᠤᠷᠳᠤᠨ ︵ᠬᠠᠮᠢᠶᠠᠷᠤᠯᠳᠠ  ᠶᠢᠨ

ᠵᠦᠪᠯᠡᠯ︶  ᠤ ᠰᠠᠭᠤᠭ᠎ᠠ ᠭᠠᠵᠠᠷ  ᠤᠨ ᠲᠦᠪ ᠪᠠᠯᠭᠠᠰᠤᠨ  ᠤ ᠲᠤᠭᠤᠷᠢᠭ ᠲᠤᠳᠤᠷ᠎ᠠ ᠠᠯᠪᠠᠨ  ᠤ ᠶᠠᠪᠤᠳᠠᠯ  ᠢᠶᠠᠷ  

ᠶᠠᠪᠤᠪᠠᠯ ᠨᠡᠶᠢᠭᠡᠮᠴᠢᠯᠡᠭᠰᠡᠨ ᠬᠠᠩᠭᠠᠯᠭ᠎ᠠ ᠬᠡᠷᠡᠭᠵᠢᠬᠦᠯᠵᠦ᠂ ᠠᠯᠪᠠᠨ  ᠤ ᠶᠠᠪᠤᠳᠠᠯ  ᠤᠨ ᠵᠠᠮ ᠬᠠᠷᠢᠯᠴᠠᠭᠠᠨ  ᠤ

ᠰᠦᠢᠳᠭᠡᠯ  ᠢ ᠲᠠᠬᠢᠵᠦ ᠲᠠᠩᠰᠠ  ᠠᠴᠠ ᠲᠠᠶᠢᠯᠬᠤ ᠦᠭᠡᠢ᠂ ᠲᠦᠪ ᠪᠠᠯᠭᠠᠰᠤ ᠲᠤᠭᠤᠷᠢᠭ  ᠢ ᠰᠤᠨᠳᠠᠯᠠᠨ ᠠᠯᠪᠠᠨ  ᠤ

ᠶᠠᠪᠤᠳᠠᠯ  ᠢᠶᠠᠷ ᠶᠠᠪᠤᠪᠠᠯ ᠭᠠᠳᠠᠨᠭᠰᠢ ᠭᠠᠷᠤᠭᠰᠠᠨ  ᠢᠶᠠᠷ ᠦᠵᠡᠵᠦ᠂ ᠬᠤᠯᠪᠤᠭᠳᠠᠯ ᠪᠦᠬᠦᠢ ᠰᠦᠢᠳᠭᠡᠯ  ᠢ ᠬᠠᠮᠢᠶ᠎ᠠ

ᠪᠦᠬᠦᠢ ᠠᠯᠪᠠᠨ  ᠤ ᠭᠠᠳᠠᠭᠰᠢ ᠭᠠᠷᠤᠭᠰᠠᠨ ᠰᠦᠢᠳᠭᠡᠯ  ᠢ ᠬᠠᠮᠢᠶᠠᠷᠬᠤ ᠠᠷᠭ᠎ᠠ ᠪᠠᠷ ᠲᠠᠩᠰᠨ  ᠠᠴᠠ ᠲᠠᠶᠢᠯᠤᠨ᠎ᠠ᠃

      ⒊ ᠨᠦᠬᠦᠪᠤᠷᠢ ᠲᠠᠷᠬᠠᠭᠠᠬᠤ ᠴᠠᠭ᠃ ᠪᠦᠬᠦ ᠠᠶᠢᠮᠠᠭ  ᠤᠨ ᠠᠯᠪᠠᠨ ᠤ ᠲᠡᠷᠭᠡ ᠬᠡᠷᠡᠭᠯᠡᠬᠦ ᠲᠦᠷᠢᠮ  ᠤᠨ

ᠦᠭᠡᠷᠡᠴᠢᠯᠡᠯᠳᠡ  ᠶᠢᠨ ᠬᠦᠷᠢᠶ᠎ᠡ ᠬᠡᠪᠴᠢᠶᠡᠨ  ᠳᠤ ᠤᠷᠤᠭᠤᠯᠤᠭᠰᠠᠨ ᠰᠠᠯᠠᠭ᠎ᠠ ᠮᠦᠴᠢᠷ ᠨᠢᠭᠡᠴᠡ ᠨᠢ ᠲᠤᠰ ᠲᠦᠰᠦᠯ

 ᠢ ᠲᠠᠷᠤᠮᠠᠯᠯᠠᠨ ᠲᠠᠷᠬᠠᠭᠠᠭᠰᠠᠨ  ᠤ ᠲᠠᠷᠠᠭ᠎ᠠ ᠨᠢᠭᠡ ᠰᠠᠷ᠎ᠠ  ᠶᠢᠨ ᠲᠤᠳᠤᠷ᠎ᠠ᠂ ᠲᠡᠷᠭᠡ   ᠪᠢᠳᠡᠬᠦᠮᠵᠢᠯᠡᠬᠦ ᠠᠵᠢᠯ  ᠢ

ᠲᠠᠭᠤᠰᠬᠠᠬᠤ ᠬᠡᠷᠡᠭᠳᠡᠢ᠃ ᠲᠡᠷᠭᠡ  ᠶᠢ ᠪᠢᠳᠡᠬᠦᠮᠵᠢᠯᠡᠭᠰᠡᠨ  ᠤ ᠲᠠᠷᠠᠭ᠎ᠠ ᠲᠤᠰ ᠱᠠᠳᠤᠨ  ᠤ ᠠᠯᠪᠠᠨ  ᠤ ᠲᠡᠷᠭᠡ

ᠬᠡᠷᠡᠭᠯᠡᠬᠦ ᠦᠭᠡᠷᠡᠴᠢᠯᠡᠯᠳᠡ  ᠶᠢᠨ ᠤᠳᠤᠷᠢᠳᠬᠤ ᠲᠤᠭᠤᠶᠢᠯᠠᠩ  ᠠᠴᠠ ᠠᠯᠪᠠᠨ  ᠳᠤ ᠬᠡᠷᠡᠭᠯᠡᠬᠦ ᠲᠡᠷᠭᠡᠨ ᠤ ᠵᠠᠮ

ᠬᠠᠷᠢᠯᠴᠠᠭᠠᠨ  ᠤ ᠨᠦᠬᠦᠪᠤᠷᠢ  ᠶᠢ ᠲᠠᠷᠬᠠᠭᠠᠬᠤ ᠴᠠᠭ  ᠢ ᠲᠡᠮᠳᠡᠭᠯᠡᠨ᠎ᠡ᠃ ᠲᠤᠭᠳᠠᠭᠰᠠᠨ ᠴᠠᠭ ᠬᠤᠭᠤᠴᠠᠭᠠᠨ

ᠲᠤᠳᠤᠷ᠎ᠠ ᠲᠡᠷᠭᠡ  ᠶᠢ ᠪᠢᠳᠡᠬᠦᠮᠵᠢᠯᠡᠭᠰᠡᠨ ᠦᠭᠡᠢ ᠪᠤᠯ ᠠᠯᠪᠠᠨ  ᠳᠤ ᠬᠡᠷᠡᠭᠯᠡᠬᠦ ᠲᠡᠷᠭᠡᠨ ᠤ ᠵᠠᠮ ᠬᠠᠷᠢᠯᠴᠠᠭᠠᠨ  ᠤ

ᠨᠦᠬᠦᠪᠤᠷᠢ  ᠶᠢ ᠲᠦᠷ ᠴᠠᠭ ᠲᠠᠷᠬᠠᠭᠠᠬᠤ ᠦᠭᠡᠢ᠂ ᠲᠠᠷᠬᠠᠭᠠᠬᠤ ᠴᠠᠭ  ᠢ ᠠᠰ ᠲᠤᠨᠢ   ᠰᠤᠳᠤᠯᠤᠨ᠎ᠠ᠃

      ︵ᠭᠤᠷᠪᠠ︶ ᠲᠡᠷᠭᠡ  ᠶᠢ ᠰᠢᠢᠳᠪᠤᠷᠢᠯᠡᠬᠦ

      ⒈ ᠬᠡᠷᠡᠭᠯᠡᠬᠦ  ᠶᠢ ᠪᠤᠯᠢᠭᠰᠠᠨ ᠠᠯᠪᠠᠨ  ᠤ ᠲᠡᠷᠭᠡ  ᠶᠢ ᠡᠯ᠎ᠡ ᠱᠠᠳᠤᠨ  ᠤ ᠠᠯᠪᠠᠨ  ᠤ ᠲᠡᠷᠭᠡ  ᠶᠢ

ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢᠭᠡᠳᠦᠯᠳᠡᠢ ᠵᠢᠷᠤᠮᠵᠢᠭᠤᠯᠤᠨ   ᠰᠢᠢᠳᠪᠤᠷᠢᠯᠡᠨ᠎ᠡ᠃ ᠤᠯᠤᠰ  ᠤᠨ

ᠲᠤᠭᠳᠠᠭᠠᠯ  ᠤᠨ ᠲᠡᠰ ᠲᠠᠷᠠᠭ᠎ᠠ ᠶᠤᠰᠤᠭᠠᠷ ᠰᠢᠢᠳᠪᠤᠷᠢᠯᠡᠬᠦ ᠠᠷᠭ᠎ᠠ ᠪᠠᠨ ᠴᠢᠩᠭ᠎ᠠ ᠲᠤᠭᠳᠠᠭᠠᠭᠰᠠᠨ  ᠤ ᠲᠠᠷᠠᠭ᠎ᠠ

ᠬᠤᠯᠪᠤᠭᠳᠠᠯ ᠪᠦᠬᠦᠢ ᠭᠠᠶᠢᠯᠢ   ᠰᠦᠢᠳᠭᠡᠯ  ᠢ ᠲᠤᠰᠢᠶᠠᠭᠰᠠᠨ  ᠤ ᠲᠠᠷᠠᠭ᠎ᠠ ᠪᠦᠬᠦᠨ  ᠢ ᠠᠳᠠᠯᠢ ᠱᠠᠳᠤᠨ  ᠤ ᠤᠯᠤᠰ

 ᠤᠨ ᠬᠦᠮᠦᠷᠭᠡ  ᠳᠤ ᠲᠤᠰᠢᠶᠠᠨ᠎ᠠ᠃

      ⒉ ᠬᠡᠷᠡᠭᠯᠡᠬᠦ  ᠶᠢ ᠪᠤᠯᠢᠭᠰᠠᠨ ᠠᠯᠪᠠᠨ  ᠤ ᠲᠡᠷᠭᠡ  ᠶᠢ ᠢᠯᠡ ᠪᠠᠷ ᠲᠠᠭᠠᠭᠠᠴᠢᠯᠠᠯᠳᠠ ᠵᠠᠷᠯᠠᠬᠤ ᠬᠡᠯᠪᠡᠷᠢ ᠪᠠᠷ

ᠲᠠᠮᠵᠢᠭᠤᠯᠤᠨ ᠵᠠᠭᠤᠴᠢ ᠪᠠᠶᠢᠭᠤᠯᠤᠮᠵᠢ ᠰᠤᠩᠭᠤᠵᠦ ᠡᠳ᠋ ᠬᠦᠷᠦᠩᠭᠡ ᠶᠢ ᠵᠢᠱᠢᠨ ᠦᠨᠡᠯᠡᠬᠦᠯᠵᠦ᠂ ᠦᠨᠡᠯᠡᠭᠰᠡᠨ

ᠦᠨ᠎ᠡ ᠪᠠᠷ ᠰᠢᠢᠳᠪᠤᠷᠢᠯᠡᠬᠦ ᠰᠠᠭᠤᠷᠢ ᠪᠠᠷᠢᠮᠵᠢᠶᠠᠳᠦ ᠦᠨ᠎ᠡ ᠪᠤᠯᠭᠠᠨ᠂ ᠢᠯᠡ ᠪᠠᠷ ᠦᠨ᠎ᠡ ᠬᠠᠶᠠᠨ ᠬᠤᠳᠠᠯᠳᠤᠬᠤ

ᠵᠡᠷᠭᠡ ᠠᠷᠭ᠎ᠠ ᠬᠡᠯᠪᠡᠷᠢ ᠪᠠᠷ ᠢᠯᠡ ᠰᠢᠢᠳᠪᠤᠷᠢᠯᠡᠵᠦ᠂ ᠰᠢᠢᠳᠪᠤᠷᠢᠯᠡᠭᠰᠡᠨ ᠦᠷ᠎ᠡ ᠳ᠋ᠦᠩ  ᠢᠶᠠᠨ ᠨᠡᠶᠢᠭᠡᠮ  ᠳᠤ

ᠨᠡᠶᠢᠳᠡᠯᠡᠨ᠎ᠡ᠃ ᠰᠢᠢᠳᠪᠤᠷᠢᠯᠡᠬᠦ ᠲᠡᠷᠭᠡ  ᠶᠢ ᠬᠢᠨᠠᠨ ᠲᠤᠭᠳᠠᠭᠠᠨ ᠦᠨᠡᠯᠡᠬᠦ ᠪᠠᠶᠢᠭᠤᠯᠤᠮᠵᠢ ᠪᠠ ᠦᠨ᠎ᠡ ᠬᠠᠶᠠᠨ

ᠬᠤᠳᠠᠯᠳᠤᠬᠤ ᠪᠠᠶᠢᠭᠤᠯᠤᠮᠵᠢ  ᠶᠢ ᠡᠯ᠎ᠡ ᠱᠠᠳᠤᠨ  ᠤ ᠠᠯᠪᠠᠨ  ᠤ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ

ᠮᠦᠴᠢᠷ ᠠᠴᠠ ᠵᠠᠰᠠᠭ ᠤᠨ ᠤᠷᠳᠤᠨ ᠠᠴᠠ ᠲᠦᠪᠯᠡᠷᠡᠬᠦᠯᠦᠨ ᠬᠤᠳᠠᠯᠳᠤᠨ ᠠᠪᠴᠦ ᠢᠯᠡ ᠪᠠᠷ ᠲᠠᠭᠠᠭᠠᠴᠢᠯᠠᠯᠳᠠ

ᠵᠠᠷᠯᠠᠬᠤ ᠬᠡᠯᠪᠡᠷᠢ ᠪᠠᠷ ᠲᠠᠮᠵᠢᠭᠤᠯᠵᠦ᠂ ᠵᠤᠬᠢᠴᠠᠩᠭᠤᠢ ᠬᠢᠷᠢ ᠬᠡᠮ ᠲᠠᠢ ᠨᠡᠶᠢᠭᠡᠮ ᠤᠨ ᠵᠠᠭᠤᠴᠢ ᠪᠠᠶᠢᠭᠤᠯᠤᠮᠵᠢ

ᠲᠤᠳᠤᠷ᠎ᠠ ᠲᠤᠭᠳᠠᠭᠠᠨ᠎ᠠ᠃ ᠲᠡᠷᠭᠡ ᠰᠢᠢᠳᠪᠤᠷᠢᠯᠡᠬᠦ ᠠᠵᠢᠯ ᠲᠤᠮᠳᠠ᠂ ᠦᠨ᠎ᠡ ᠶᠢ ᠪᠠᠭᠤᠷᠠᠭᠤᠯᠤᠨ ᠬᠤᠳᠠᠯᠳᠤᠬᠤ ᠪᠠ

ᠬᠢᠮᠳᠠ ᠪᠠᠷ ᠬᠤᠳᠠᠯᠳᠤᠬᠤ ᠦᠵᠡᠭᠳᠡᠯ ᠢ ᠰᠡᠷᠬᠡᠶᠢᠯᠡᠵᠦ᠂ ᠤᠯᠤᠰ ᠤᠨ ᠡᠳ᠋ ᠬᠦᠷᠦᠩᠭᠡ  ᠶᠢ ᠠᠯᠳᠠᠭᠳᠠᠭᠤᠯᠬᠤ  ᠠᠴᠠ

ᠵᠠᠶᠢᠯᠠᠰᠬᠢᠬᠦ ᠬᠡᠷᠡᠭᠳᠡᠢ᠃ ᠴᠠᠭ ᠲᠤᠬᠠᠢ ᠳᠤᠨᠢ ᠰᠢᠢᠳᠪᠤᠷᠢᠯᠡᠵᠦ ᠴᠢᠳᠠᠭᠰᠠᠨ ᠦᠭᠡᠢ ᠲᠡᠷᠭᠡ  ᠶᠢ ᠦᠨᠡᠯᠡᠭᠰᠡᠨ  ᠤ

ᠲᠠᠷᠠᠭ᠎ᠠ᠂ ᠤᠯᠤᠰ ᠤᠨ ᠡᠳ᠋ ᠬᠦᠷᠦᠩᠭᠡ  ᠶᠢ ᠰᠢᠯᠵᠢᠯᠳᠠ ᠶᠢᠨ ᠴᠢᠨᠠᠷᠳᠠᠢ ᠠᠯᠪᠠᠨ ᠤ ᠲᠡᠷᠭᠡᠨ ᠤ ᠦᠢᠯᠡᠴᠢᠯᠡᠭᠡᠨ  ᠤ

ᠺᠤᠮᠫᠠᠨᠢ  ᠳᠤ ᠪᠡᠯᠡ ᠤᠷᠤᠭᠤᠯᠵᠦ᠂ ᠦᠢᠯᠡᠴᠢᠯᠡᠭᠡᠨ ᠤ ᠺᠤᠮᠫᠠᠨᠢ ᠨᠢ ᠨᠡᠶᠢᠭᠡᠮ  ᠳᠤ ᠦᠢᠯᠡᠴᠢᠯᠡᠭᠡ ᠬᠠᠩᠭᠠᠨ᠂ ᠵᠠᠬ᠎ᠠ

ᠲᠡᠯᠭᠡᠬᠦᠷᠴᠢᠯᠡᠨ ᠡᠵᠡᠩᠨᠡᠵᠦ ᠪᠤᠯᠬᠤ ᠪᠦᠭᠡᠳ ᠵᠠᠰᠠᠭ  ᠤᠨ ᠤᠷᠳᠤᠨ  ᠠᠴᠠ ᠲᠡᠬᠦᠨ  ᠳᠤ ᠡᠳ᠋  ᠤᠨ ᠵᠠᠰᠠᠭ  ᠤᠨ

ᠴᠢᠨᠠᠷᠳᠠᠢ ᠨᠦᠬᠦᠪᠤᠷᠢ ᠤᠯᠭᠤᠵᠦ ᠪᠤᠯᠬᠤ ᠦᠭᠡᠢ᠃

        ︵ᠲᠦᠷᠪᠡ︶ ᠵᠢᠯᠤᠭᠤᠴᠢ ᠠᠵᠢᠯᠳᠠᠨ  ᠢ ᠲᠦᠪᠬᠢᠨᠡᠬᠦᠯᠬᠦ

      ⒈ ᠦᠯᠡᠳᠡᠭᠡᠬᠦ ᠠᠯᠪᠠᠨ ᠤ ᠲᠡᠷᠭᠡᠨ  ᠤ ᠬᠡᠷᠡᠭᠯᠡᠬᠦ ᠪᠤᠳᠠᠳᠤ ᠱᠠᠭᠠᠷᠳᠠᠯᠭ᠎ᠠ ᠶᠢ ᠦᠨᠳᠦᠰᠦᠯᠡᠵᠦ᠂

ᠵᠢᠯᠤᠭᠤᠴᠢ ᠠᠵᠢᠯᠳᠠᠨ ᠤ ᠠᠵᠢᠯ  ᠤᠨ ᠪᠠᠶᠢᠷᠢ ᠶᠢ ᠵᠤᠬᠢᠰᠳᠠᠢ ᠲᠤᠬᠢᠷᠠᠭᠤᠯᠵᠦ᠂ ᠢᠯᠡ᠂ ᠡᠷᠭᠡ ᠲᠡᠭᠰᠢ᠂

ᠦᠷᠢᠰᠦᠯᠳᠦᠬᠦ᠂ ᠰᠢᠯᠢᠳᠡᠭ  ᠢ ᠰᠤᠩᠭᠤᠬᠤ ᠵᠠᠷᠴᠢᠮ ᠢᠶᠠᠷ ᠤᠳᠤ ᠪᠠᠶᠢᠭ᠎ᠠ ᠵᠢᠩᠬᠢᠨᠢ ᠵᠢᠯᠤᠭᠤᠴᠢ  ᠶᠢᠨ ᠲᠤᠮᠳᠠ

 ᠠᠴᠠ ᠦᠷᠢᠰᠦᠯᠳᠦᠨ ᠠᠵᠢᠯ  ᠤᠨ ᠪᠠᠶᠢᠷᠢ  ᠳᠤ ᠭᠠᠷᠬᠤ᠂ ᠶᠡᠷᠦᠩᠭᠡᠶᠢᠯᠡᠨ ᠰᠢᠯᠢᠳᠡᠭ  ᠢ ᠰᠤᠩᠭᠤᠬᠤ ᠵᠡᠷᠭᠡ ᠬᠡᠯᠪᠡᠷᠢ

 ᠪᠠᠷ ᠲᠠᠮᠵᠢᠭᠤᠯᠵᠦ ᠠᠵᠢᠯ  ᠤᠨ ᠪᠠᠶᠢᠷᠢ  ᠳᠤ ᠭᠠᠷᠬᠤ ᠬᠦᠮᠦᠰ ᠢ ᠲᠤᠭᠳᠠᠭᠠᠨ᠎ᠠ᠃

      ⒉ ᠪᠤᠰᠤᠳ ᠵᠢᠯᠤᠭᠤᠴᠢ ᠠᠵᠢᠯᠳᠠᠨ  ᠢ ᠬᠦᠮᠦᠨ ᠢᠶᠠᠷ ᠦᠨᠳᠦᠰᠦ ᠪᠤᠯᠭᠠᠬᠤ᠂ ᠢᠳᠡᠪᠬᠢᠳᠡᠢ ᠪᠤᠯᠭᠤᠮᠵᠢᠳᠠᠢ

᠂ ᠲᠤᠬᠠᠢ  ᠶᠢᠨ ᠭᠠᠵᠠᠷ ᠲᠤᠨᠢ ᠲᠤᠬᠢᠷᠠᠭᠤᠯᠬᠤ ᠵᠠᠷᠴᠢᠮ  ᠢᠶᠠᠷ᠂ ᠲᠤᠳᠤᠭᠠᠳᠦ ᠳᠠᠭᠠᠨ ᠰᠢᠩᠭᠡᠭᠡᠬᠦ ᠪᠠᠷ ᠭᠤᠤᠯ

ᠪᠤᠯᠭᠠᠬᠤ  ᠶᠢ ᠪᠠᠷᠢᠮᠳᠠᠯᠠᠵᠦ᠂ ᠲᠤᠳᠤᠭᠠᠳᠦ ᠳᠠᠭᠠᠨ ᠠᠵᠢᠯ  ᠤᠨ ᠪᠠᠶᠢᠷᠢ ᠰᠤᠯᠢᠬᠤ᠂ ᠰᠢᠨ᠎ᠡ ᠪᠠᠷ ᠠᠵᠢᠯ ᠤᠯᠭᠤᠬᠤ

ᠠᠵᠢᠯ  ᠤᠨ ᠪᠠᠶᠢᠷᠢ ᠨᠡᠭᠡᠭᠡᠬᠦ᠂ ᠤᠷᠢᠳᠴᠢᠯᠠᠨ ᠠᠵᠢᠯ  ᠤᠨ ᠪᠠᠶᠢᠷᠢ  ᠠᠴᠠ ᠪᠠᠨ ᠰᠠᠯᠬᠤ ᠵᠡᠷᠭᠡ ᠤᠯᠠᠨ ᠵᠦᠢᠯ  ᠤᠨ

ᠠᠷᠭ᠎ᠠ ᠬᠡᠯᠪᠡᠷᠢ ᠪᠠᠷ ᠲᠠᠮᠵᠢᠭᠤᠯᠵᠦ ᠵᠤᠬᠢᠰᠳᠠᠢ ᠲᠦᠪᠬᠢᠨᠡᠬᠦᠯᠬᠦ ᠪᠦᠭᠡᠳ ᠬᠢᠯᠪᠠᠷᠬᠠᠨ  ᠢᠶᠠᠷ ᠨᠡᠶᠢᠭᠡᠮ  ᠳᠤ

ᠲᠦᠯᠬᠢᠵᠦ ᠪᠤᠯᠬᠤ ᠦᠭᠡᠢ᠃

      ⒊ ᠬᠤᠯᠪᠤᠭᠳᠠᠯ ᠪᠦᠬᠦᠢ ᠬᠦᠮᠦᠰ  ᠤᠨ ᠤᠷᠢᠨ ᠬᠡᠷᠡᠭᠯᠡᠬᠦ ᠬᠡᠷ᠎ᠡ ᠪᠤᠶᠤ ᠬᠦᠳᠡᠯᠮᠤᠷᠢ  ᠶᠢᠨ ᠬᠡᠷ᠎ᠡ  ᠶᠢ

ᠵᠤᠭᠰᠤᠭᠠᠬᠤ᠂ ᠤᠤᠯ ᠠᠵᠢᠯ  ᠠᠴᠠ ᠨᠢ ᠰᠠᠯᠭᠠᠬᠤ ᠠᠵᠢᠯ  ᠢ ᠰᠠᠶᠢᠳᠤᠷ ᠬᠢᠵᠦ᠂ ᠲᠤᠰ ᠲᠦᠷᠦᠯ  ᠤᠨ ᠠᠵᠢᠯᠴᠢᠨ

ᠬᠡᠷᠡᠭᠯᠡᠬᠦ ᠬᠡᠯᠪᠡᠷᠢ  ᠶᠢᠨ ᠵᠢᠯᠤᠭᠤᠴᠢ ᠠᠵᠢᠯᠳᠠᠨ ᠬᠢᠭᠡᠳ ᠨᠢᠭᠡᠴᠡ  ᠶᠢᠨ ᠬᠤᠭᠤᠷᠤᠨᠳᠤᠬᠢ ᠬᠦᠳᠡᠯᠮᠤᠷᠢ ᠠᠵᠢᠯᠳᠠᠨ

 ᠤ ᠬᠠᠷᠢᠴᠠᠭ᠎ᠠ  ᠶᠢ ᠵᠤᠬᠢᠰᠳᠠᠢ ᠰᠢᠢᠳᠪᠤᠷᠢᠯᠡᠵᠦ᠂ ᠬᠤᠯᠪᠤᠭᠳᠠᠯ ᠪᠦᠬᠦᠢ ᠬᠦᠮᠦᠰ  ᠤᠨ ᠬᠠᠤᠯᠢ ᠶᠤᠰᠤᠨ  ᠤ ᠡᠷᠭᠡ

ᠠᠰᠢᠭ  ᠢ ᠬᠠᠮᠠᠭᠠᠯᠠᠬᠤ ᠬᠡᠷᠡᠭᠳᠡᠢ᠃   ᠬᠡᠷᠡᠭᠰᠡᠬᠦ ᠴᠢᠬᠤᠯᠠᠳᠠᠢ ᠵᠠᠷᠤᠳᠠᠯ  ᠢ ᠠᠳᠠᠯᠢ ᠱᠠᠳᠤᠨ  ᠤ ᠡᠳ᠋  ᠤᠨ ᠵᠠᠰᠠᠭ

 ᠠᠴᠠ ᠲᠤᠰᠬᠠᠢ ᠲᠦᠷᠦᠯ  ᠤᠨ ᠵᠠᠷᠤᠳᠠᠯ ᠪᠠᠶᠢᠷᠢᠯᠠᠭᠤᠯᠵᠦ ᠪᠠᠳᠤᠯᠠᠬᠤ  ᠶᠢᠨ ᠬᠠᠮᠳᠤ ᠠᠯᠪᠠᠨ  ᠤ ᠲᠡᠷᠭᠡ  ᠶᠢ

ᠰᠢᠢᠳᠪᠤᠷᠢᠯᠡᠭᠰᠡᠨ ᠤᠷᠤᠯᠭ᠎ᠠ ᠪᠤᠶᠤ ᠰᠠᠯᠠᠭ᠎ᠠ ᠮᠦᠴᠢᠷ  ᠤᠨ ᠤᠳᠤ ᠶᠢᠨ ᠪᠠᠶᠢᠭ᠎ᠠ ᠵᠠᠷᠤᠳᠠᠯ ᠰᠦᠢᠳᠭᠡᠯ  ᠤᠨ ᠤᠯᠠᠨ

ᠠᠷᠭ᠎ᠠ ᠵᠠᠮ  ᠢᠶᠠᠷ ᠲᠠᠮᠵᠢᠭᠤᠯᠵᠦ ᠪᠡᠯᠡ ᠴᠤᠭᠯᠠᠭᠤᠯᠤᠨ ᠰᠢᠢᠳᠪᠤᠷᠢᠯᠡᠨ᠎ᠡ᠃

     ⒋ ᠠᠵᠢᠯᠳᠠᠨ ᠲᠦᠪᠬᠢᠨᠡᠬᠦᠯᠬᠦ ᠠᠵᠢᠯ  ᠢ ᠠᠶᠢᠮᠠᠭ ᠤᠨ ᠠᠯᠪᠠᠨ ᠤ ᠲᠡᠷᠭᠡ ᠬᠡᠷᠡᠭᠯᠡᠬᠦ ᠲᠦᠷᠢᠮ  ᠤᠨ

ᠦᠭᠡᠷᠡᠴᠢᠯᠡᠯᠳᠡ  ᠶᠢᠨ ᠤᠳᠤᠷᠢᠳᠬᠤ ᠲᠤᠭᠤᠶᠢᠯᠠᠩ  ᠤᠨ ᠤᠳᠤᠷᠢᠳᠤᠯᠭ᠎ᠠ ᠲᠤᠤᠷ᠎ᠠ᠂ ᠡᠯ᠎ᠡ ᠱᠠᠳᠤᠨ  ᠤ ᠬᠦᠮᠦᠨ

 ᠤ ᠬᠦᠴᠦᠨ  ᠤ ᠡᠬᠢ ᠪᠠᠶᠠᠯᠢᠭ ᠬᠢᠭᠡᠳ ᠨᠡᠶᠢᠭᠡᠮ  ᠤᠨ ᠪᠠᠳᠤᠯᠠᠭ᠎ᠠ  ᠶᠢᠨ ᠰᠠᠯᠠᠭ᠎ᠠ ᠮᠦᠴᠢᠷ  ᠠᠴᠠ ᠵᠢᠯᠤᠭᠤᠴᠢ

ᠠᠵᠢᠯᠳᠠᠨ ᠲᠦᠪᠬᠢᠨᠡᠬᠦᠯᠬᠦ ᠲᠤᠭᠤᠶᠢᠯᠠᠩ ᠪᠠᠶᠢᠭᠤᠯᠵᠦ᠂ ᠦᠭᠡᠷᠡᠴᠢᠯᠡᠯᠳᠡ  ᠳᠤ ᠤᠷᠤᠯᠴᠠᠭᠰᠠᠨ ᠨᠢᠭᠡᠴᠡ  ᠶᠢ

ᠬᠠᠷᠢᠭᠤᠴᠠᠨ ᠵᠢᠯᠤᠭᠤᠳᠴᠦ ᠵᠢᠯᠤᠭᠤᠴᠢ ᠠᠵᠢᠯᠳᠠᠨ ᠲᠦᠪᠬᠢᠨᠡᠬᠦᠯᠬᠦ ᠠᠵᠢᠯ  ᠢ ᠰᠠᠶᠢᠳᠤᠷ   ᠬᠢᠨ᠎ᠡ᠃

    ᠭᠤᠷᠪᠠ᠂   ᠪᠠᠳᠤᠯᠠᠭ᠎ᠠ ᠶᠢᠨ ᠠᠷᠭ᠎ᠠ ᠬᠡᠮᠵᠢᠶ᠎ᠡ

      ︵ᠨᠢᠭᠡ︶ ᠠᠯᠪᠠᠨ ᠳᠤ ᠬᠡᠷᠡᠭᠯᠡᠬᠦ ᠲᠡᠷᠭᠡᠨ ᠤ ᠬᠠᠮᠢᠶᠠᠷᠤᠯᠳᠠ  ᠶᠢ ᠴᠢᠩᠭᠠᠳᠬᠠᠨ᠎ᠠ

      ᠠᠶᠢᠮᠠᠭ ᠬᠤᠰᠢᠭᠤ ᠬᠤᠶᠠᠷ ᠱᠠᠳᠤ ᠨᠢ ᠬᠢᠨᠠᠨ ᠲᠤᠭᠳᠠᠭᠠᠨ ᠦᠯᠡᠳᠡᠭᠡᠭᠰᠡᠨ ᠠᠯᠪᠠᠨ  ᠤ ᠲᠡᠷᠭᠡᠨ ᠳᠤ

ᠤᠷᠤᠨ ᠲᠤᠭᠠᠨ  ᠤ ᠬᠠᠮᠢᠶᠠᠷᠤᠯᠳᠠ  ᠶᠢ ᠬᠡᠷᠡᠭᠵᠢᠬᠦᠯᠵᠦ᠂ ᠬᠠᠨᠳᠤᠯᠭᠠᠳᠦ ᠪᠤᠳᠠᠰ  ᠤᠨ ᠪᠠᠳᠤᠯᠠᠭ᠎ᠠ ᠶᠢᠨ ᠬᠡᠷᠡᠭᠯᠡᠬᠦ

ᠲᠡᠷᠭᠡᠨ ᠳᠤ ᠪᠤᠳᠠᠳᠤ ᠨᠡᠷ᠎ᠡ  ᠶᠢᠨ ᠲᠦᠷᠢᠮᠳᠦ ᠲᠤᠬᠢᠷᠠᠭᠤᠯᠤᠯᠳᠠ ᠬᠢᠵᠦ᠂ ᠦᠯᠡᠳᠡᠭᠡᠭᠰᠡᠨ ᠠᠯᠪᠠᠨ  ᠤ ᠲᠡᠷᠭᠡ ᠶᠢ

ᠨᠢᠭᠡᠴᠡ ᠠᠴᠠ ᠲᠦᠪᠯᠡᠷᠡᠬᠦᠯᠦᠨ ᠬᠠᠮᠢᠶᠠᠷᠴᠦ᠂ ᠦᠯᠡᠳᠡᠭᠡᠭᠰᠡᠨ ᠠᠯᠪᠠᠨ  ᠳᠤ ᠬᠡᠷᠡᠭᠯᠡᠬᠦ ᠲᠡᠷᠭᠡ ᠨᠢ ᠲᠤᠭᠳᠠᠭᠰᠠᠨ

ᠲᠤᠬᠢᠷᠠᠭᠤᠯᠬᠤ ᠪᠠᠷᠢᠮᠵᠢᠶ᠎ᠠ᠂ ᠲᠡᠷᠭᠡᠨ  ᠤ ᠬᠡᠯᠪᠡᠷᠢ ᠪᠠ ᠬᠡᠷᠡᠭᠯᠡᠬᠦ ᠬᠡᠪᠴᠢᠶᠡᠨ  ᠳᠤ ᠨᠡᠶᠢᠴᠡᠭᠰᠡᠨ ᠪᠠᠶᠢᠬᠤ ᠬᠡᠷᠡᠭᠳᠡᠢ᠃

ᠨᠢᠭᠤᠴᠠ ᠴᠢᠮᠡᠭᠡ ᠬᠤᠯᠪᠤᠭᠠᠨ ᠤ ᠲᠡᠷᠭᠡ᠂ ᠬᠠᠷᠢᠴᠠᠩᠭᠤᠢ ᠲᠤᠭᠳᠠᠮᠠᠯ ᠱᠤᠭᠤᠮ ᠲᠠᠢ ᠬᠠᠤᠯᠢ ᠬᠡᠷᠡᠭᠵᠢᠬᠦᠯᠬᠦ

ᠵᠢᠵᠢᠬᠦᠷᠯᠡᠬᠦ  ᠳᠤ ᠬᠡᠷᠡᠭᠯᠡᠬᠦ ᠲᠡᠷᠭᠡ  ᠶᠢ ᠲᠤᠬᠢᠷᠠᠭᠤᠯᠤᠨ ᠰᠢᠨᠡᠳᠭᠡᠬᠦ   ᠳᠤ ︽ᠵᠠᠰᠠᠭ  ᠤᠨ ᠤᠷᠳᠤᠨ  ᠤ

ᠪᠠᠶᠢᠭᠤᠯᠭ᠎ᠠ ᠵᠢᠴᠢ ᠤᠯᠠᠨ ᠨᠡᠶᠢᠳᠡ  ᠶᠢᠨ ᠪᠠᠶᠢᠭᠤᠯᠤᠮᠵᠢ  ᠶᠢᠨ ᠰᠢᠨ᠎ᠡ ᠡᠨᠧᠷᠬᠢ  ᠶᠢᠨ ᠮᠠᠰᠢᠨ ᠲᠡᠷᠭᠡ   ᠬᠤᠳᠠᠯᠳᠤᠨ

ᠠᠪᠬᠤ ᠬᠡᠷᠡᠭᠵᠢᠬᠦᠯᠬᠦ ᠲᠦᠰᠦᠯ︾ ︵ᠤᠯᠤᠰ ᠬᠠᠮᠢᠶᠠᠷᠤᠯᠳᠠ ᠡᠨᠧᠷᠬᠢ ᠠᠷᠪᠢᠯᠠᠬᠤ 〔2014〕293 ᠳ᠋ᠤᠭᠠᠷ

ᠲᠤᠭᠠᠳᠤ︶  ᠤᠨ ᠱᠠᠭᠠᠷᠳᠠᠯᠭ᠎ᠠ ᠪᠠᠷ᠂ ᠰᠢᠨ᠎ᠡ ᠡᠨᠧᠷᠬᠢ  ᠶᠢᠨ ᠮᠠᠰᠢᠨ ᠲᠡᠷᠭᠡ ᠬᠡᠷᠡᠭᠯᠡᠵᠦ᠂ ᠲᠡᠷᠭᠡ   ᠪᠠᠨ ᠰᠢᠨᠡᠳᠭᠡᠬᠦ

ᠦᠶᠡᠰ ᠰᠢᠨ᠎ᠡ ᠡᠨᠧᠷᠬᠢ  ᠶᠢᠨ ᠮᠠᠰᠢᠨ ᠲᠡᠷᠭᠡ  ᠶᠢ ᠬᠤᠳᠠᠯᠳᠤᠨ ᠠᠪᠬᠤ ᠬᠡᠮᠵᠢᠶ᠎ᠡ  ᠶᠢ ᠵᠤᠬᠢᠬᠤ ᠬᠠᠷᠢᠴᠠᠯ  ᠳᠤ

ᠬᠦᠷᠭᠡᠬᠦ  ᠶᠢ ᠪᠠᠳᠤᠯᠠᠨ᠎ᠠ᠃

      ᠦᠯᠡᠳᠡᠭᠡᠭᠰᠡᠨ ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡᠨ ᠤ ᠬᠠᠮᠢᠶᠠᠷᠤᠯᠳᠠ  ᠶᠢ

ᠴᠢᠩᠭᠠᠳᠬᠠᠵᠦ᠂ ᠪᠦᠷᠢᠳᠭᠡᠬᠦ᠂ ᠨᠡᠶᠢᠳᠡᠯᠡᠬᠦ ᠵᠡᠷᠭᠡ ᠡᠯ᠎ᠡ ᠵᠦᠢᠯ  ᠤᠨ ᠬᠠᠮᠢᠶᠠᠷᠤᠯᠳᠠ  ᠶᠢᠨ ᠲᠦᠷᠢᠮ  ᠢ ᠪᠠᠶᠢᠭᠤᠯᠤᠨ

ᠪᠦᠷᠢᠨᠰᠢᠬᠦᠯᠵᠦ᠂ ᠤᠯᠤᠰ  ᠤᠨ ᠠᠮᠤᠷ ᠲᠦᠪᠰᠢᠨ᠂ ᠮᠦᠷᠳᠡᠨ ᠪᠠᠶᠢᠴᠠᠭᠠᠵᠦ ᠬᠡᠷᠡᠭ ᠰᠢᠢᠳᠪᠤᠷᠢᠯᠡᠬᠦ ᠵᠡᠷᠭᠡ

ᠬᠤᠯᠪᠤᠭᠳᠠᠯ ᠪᠦᠬᠦᠢ ᠤᠨᠴᠠᠭᠠᠢ ᠠᠵᠢᠯ  ᠤᠨ ᠬᠡᠷᠡᠭᠴᠡᠭᠡ  ᠠᠴᠠ ᠭᠠᠳᠠᠨᠠᠬᠢ ᠬᠠᠤᠯᠢ ᠬᠡᠷᠡᠭᠵᠢᠬᠦᠯᠬᠦ ᠵᠢᠵᠢᠬᠦᠷᠯᠡᠬᠦ

ᠲᠡᠷᠭᠡ  ᠶᠢ ᠴᠦᠮ ᠢᠯᠡᠳᠳᠡ ᠨᠢᠭᠡᠳᠦᠯᠳᠡᠢ ᠲᠡᠮᠳᠡᠭ  ᠢᠶᠠᠷ ᠪᠤᠳᠤᠨ᠎ᠠ᠃

      ᠤᠨᠴᠠᠭᠠᠢ ᠲᠤᠰᠬᠠᠢ ᠮᠡᠷᠭᠡᠵᠢᠯ  ᠤᠨ ᠬᠡᠷᠡᠭᠯᠡᠬᠦ ᠬᠦᠷᠢᠶ᠎ᠡ ᠬᠡᠪᠴᠢᠶᠡᠨ  ᠳᠤ ᠤᠷᠤᠭᠰᠠᠨ ᠮᠠᠰᠢᠨ ᠲᠡᠷᠭᠡ  ᠶᠢ

ᠴᠢᠩᠭ᠎ᠠ ᠬᠢᠨᠠᠨ ᠲᠤᠭᠳᠠᠭᠠᠵᠦ᠂ ᠡᠷᠭᠡᠪᠰᠢ ᠲᠤᠰᠬᠠᠢ ᠲᠦᠷᠦᠯ  ᠤᠨ   ᠬᠡᠷᠡᠭᠯᠡᠬᠦᠨ ᠲᠠᠢ ᠪᠦᠭᠡᠳ ᠲᠤᠭᠳᠠᠭᠰᠠᠨ

ᠲᠦᠬᠦᠭᠡᠷᠦᠮᠵᠢ ᠲᠤᠨᠤᠭ  ᠢ ᠤᠭᠰᠠᠷᠠᠵᠦ᠂ ᠱᠠᠭᠠᠷᠳᠠᠯᠭ᠎ᠠ  ᠳᠤ ᠨᠡᠶᠢᠴᠡᠬᠦ ᠦᠭᠡᠢ ᠲᠡᠷᠭᠡ  ᠶᠢ ᠤᠨᠴᠠᠭᠠᠢ ᠲᠤᠰᠬᠠᠢ

ᠮᠡᠷᠭᠡᠵᠢᠯ  ᠤᠨ ᠬᠡᠷᠡᠭᠯᠡᠬᠦ ᠲᠡᠷᠭᠡ ᠪᠤᠯᠭᠠᠵᠦ ᠪᠤᠯᠬᠤ ᠦᠭᠡᠢ᠃ ᠴᠢᠬᠤᠯᠠ ᠶᠡᠭᠡ ᠭᠠᠮᠰᠢᠭ ᠠᠴᠠ ᠠᠪᠤᠷᠠᠬᠤ᠂ ᠬᠡᠷᠡᠭ

ᠠᠳᠡᠯ  ᠢ ᠰᠢᠢᠳᠪᠤᠷᠢᠯᠡᠬᠦ᠂ ᠬᠡᠨᠡᠳᠳᠡ  ᠶᠢᠨ ᠬᠡᠷᠡᠭ ᠤᠴᠢᠷ  ᠢ ᠰᠢᠢᠳᠪᠤᠷᠢᠯᠡᠬᠦ ᠵᠡᠷᠭᠡ ᠤᠷᠢᠳᠴᠢᠯᠠᠨ ᠲᠦᠰᠦᠪᠯᠡᠬᠦ

 ᠶᠢᠨ ᠠᠷᠭ᠎ᠠ ᠦᠭᠡᠢ ᠤᠨᠴᠠᠭᠠᠢ ᠤᠴᠢᠷ ᠶᠠᠪᠤᠳᠠᠯ ᠤᠨ ᠲᠤᠬᠠᠢ ᠪᠤᠳᠠᠳᠤ ᠪᠠᠶᠢᠳᠠᠯ  ᠠᠴᠠ ᠪᠠᠨ ᠡᠬᠦᠰᠴᠦ᠂ ᠠᠯᠪᠠᠨ

 ᠳᠤ ᠬᠡᠷᠡᠭᠯᠡᠬᠦ ᠲᠡᠷᠭᠡᠨ ᠤ ᠪᠠᠳᠤᠯᠠᠭ᠎ᠠ  ᠶᠢᠨ ᠠᠷᠭ᠎ᠠ  ᠶᠢ ᠲᠤᠭᠳᠠᠭᠠᠵᠦ ᠪᠤᠯᠤᠨ᠎ᠠ᠃

      ︵ᠬᠤᠶᠠᠷ︶ ᠡᠳ᠋  ᠤᠨ ᠶᠠᠪᠤᠳᠠᠯ  ᠤᠨ ᠬᠠᠮᠢᠶᠠᠷᠤᠯᠳᠠ  ᠶᠢ   ᠴᠢᠩᠭᠠᠳᠬᠠᠨ᠎ᠠ

        ᠡᠯ᠎ᠡ ᠱᠠᠳᠤᠨ  ᠤ ᠡᠳ᠋  ᠤᠨ ᠵᠠᠰᠠᠭ  ᠤᠨ ᠰᠠᠯᠠᠭ᠎ᠠ ᠮᠦᠴᠢᠷ ᠨᠢ ᠵᠠᠮ ᠬᠠᠷᠢᠯᠴᠠᠭᠠᠨ  ᠤ ᠰᠦᠢᠳᠭᠡᠯ  ᠤᠨ

ᠲᠦᠰᠦᠪ  ᠤᠨ ᠬᠠᠮᠢᠶᠠᠷᠤᠯᠳᠠ  ᠶᠢ ᠴᠢᠩᠭᠠᠯᠠᠵᠦ᠂ ᠠᠯᠪᠠᠨ  ᠤ ᠶᠠᠪᠤᠳᠠᠯ ᠤᠨ ᠵᠠᠮ ᠬᠠᠷᠢᠯᠴᠠᠭᠠᠨ  ᠤ ᠨᠦᠬᠦᠪᠤᠷᠢ

 ᠶᠢᠨ ᠬᠠᠮᠢᠶᠠᠷᠤᠯᠳᠠ  ᠶᠢᠨ ᠠᠷᠭ᠎ᠠ  ᠶᠢ ᠲᠤᠭᠳᠠᠭᠠᠵᠦ᠂ ᠤᠷᠤᠨ ᠲᠤᠭ᠎ᠠ ᠲᠠᠢ ᠠᠵᠢᠯ  ᠤᠨ ᠪᠠᠶᠢᠷᠢ ᠳᠠᠭᠠᠨ ᠪᠠᠶᠢᠭ᠎ᠠ

ᠠᠯᠪᠠᠳᠠᠨ  ᠤ ᠲᠤᠭ᠎ᠠ ᠪᠠ ᠲᠤᠰᠢᠶᠠᠯ ᠲᠡᠰ  ᠢᠶᠠᠷ ᠨᠦᠬᠦᠪᠤᠷᠢ  ᠶᠢᠨ ᠲᠤᠭ᠎ᠠ ᠬᠡᠮᠵᠢᠶ᠎ᠡ  ᠶᠢ ᠲᠤᠭᠳᠠᠭᠠᠵᠦ᠂ ᠠᠯᠪᠠᠨ

 ᠤ ᠶᠠᠪᠤᠳᠠᠯ  ᠤᠨ ᠵᠠᠮ ᠬᠠᠷᠢᠯᠴᠠᠭᠠᠨ  ᠤ ᠨᠦᠬᠦᠪᠤᠷᠢ ᠲᠠᠷᠬᠠᠭᠠᠬᠤ  ᠶᠢ ᠴᠢᠩᠭᠠᠳᠬᠠᠵᠦ᠂ ᠲᠤᠷᠠᠪᠠᠷ ᠨᠦᠬᠦᠪᠤᠷᠢ

ᠤᠯᠬᠤ ᠬᠦᠮᠦᠰ  ᠤᠨ ᠬᠦᠷᠢᠶ᠎ᠡ ᠬᠡᠪᠴᠢᠶ᠎ᠡ  ᠶᠢ ᠦᠷᠭᠡᠳᠭᠡᠬᠦ ᠪᠤᠶᠤ ᠨᠦᠬᠦᠪᠤᠷᠢ  ᠶᠢᠨ ᠪᠠᠷᠢᠮᠵᠢᠶ᠎ᠠ  ᠶᠢ

ᠲᠡᠭᠡᠭᠰᠢᠯᠡᠬᠦᠯᠵᠦ ᠪᠤᠯᠬᠤ ᠦᠭᠡᠢ᠃

        ︵ᠭᠤᠷᠪᠠ︶ ᠠᠯᠪᠠᠨ  ᠳᠤ ᠬᠡᠷᠡᠭᠯᠡᠬᠦ ᠲᠡᠷᠭᠡᠨ  ᠤ ᠰᠠᠬᠢᠯᠭ᠎ᠠ ᠪᠠᠳᠤ  ᠶᠢ ᠪᠠᠶᠢᠴᠠᠭᠠᠬᠤ ᠪᠠ ᠬᠢᠨᠠᠨ

ᠪᠤᠳᠤᠬᠤ  ᠶᠢ ᠴᠢᠩᠭᠠᠳᠬᠠᠨ᠎ᠠ

        ᠠᠯᠪᠠᠨ  ᠤ ᠲᠡᠷᠭᠡ ᠬᠡᠷᠡᠭᠯᠡᠬᠦ ᠰᠠᠬᠢᠯᠭ᠎ᠠ ᠪᠠᠳᠤ  ᠶᠢ ᠴᠢᠩᠭᠠᠯᠠᠵᠦ᠂ ᠡᠯ᠎ᠡ ᠰᠠᠯᠠᠭ᠎ᠠ ᠮᠦᠴᠢᠷ ᠡᠯ᠎ᠡ

ᠨᠢᠭᠡᠴᠡ  ᠶᠢᠨ ᠲᠡᠷᠭᠡᠨ  ᠤ ᠤᠷᠤᠨ ᠲᠤᠭ᠎ᠠ  ᠶᠢ ᠴᠢᠩᠭ᠎ᠠ ᠬᠢᠨᠠᠨ ᠲᠤᠭᠳᠠᠭᠠᠨ᠎ᠠ᠃ ᠡᠯ᠎ᠡ ᠭᠠᠵᠠᠷ ᠡᠯ᠎ᠡ ᠰᠠᠯᠠᠭ᠎ᠠ

ᠮᠦᠴᠢᠷ ᠡᠯ᠎ᠡ ᠨᠢᠭᠡᠴᠡ ᠨᠢ ᠤᠨᠴᠠᠭᠠᠢ ᠬᠡᠷᠡᠭᠯᠡᠬᠦᠨ ᠵᠡᠷᠭᠡ ᠰᠢᠯᠳᠠᠭᠠᠨ ᠢᠶᠠᠷ ᠤᠷᠤᠨ ᠲᠤᠭ᠎ᠠ  ᠠᠴᠠ ᠲᠠᠪᠠᠭᠤᠯᠵᠦ

ᠪᠠᠷᠢᠮᠵᠢᠶ᠎ᠠ  ᠠᠴᠠ ᠬᠡᠳᠦᠷᠡᠬᠦᠯᠦᠨ ᠲᠡᠷᠭᠡ ᠲᠤᠬᠢᠷᠠᠭᠤᠯᠵᠦ ᠪᠤᠯᠬᠤ ᠦᠭᠡᠢ᠂ ᠶᠠᠮᠠᠷᠪᠠ ᠬᠡᠯᠪᠡᠷᠢ ᠪᠠᠷ ᠬᠠᠷᠢᠶ᠎ᠠ ᠨᠢᠭᠡᠴᠡ

ᠪᠤᠶᠤ ᠪᠤᠰᠤᠳ ᠨᠢᠭᠡᠴᠡ᠂ ᠬᠤᠪᠢ ᠬᠦᠮᠦᠨ  ᠤ ᠲᠡᠷᠭᠡ  ᠶᠢ ᠰᠤᠯᠢᠨ ᠬᠡᠷᠡᠭᠯᠡᠵᠦ  ᠂ ᠵᠢᠭᠡᠯᠡᠨ ᠬᠡᠷᠡᠭᠯᠡᠵᠦ᠂ ᠡᠵᠡᠯᠡᠨ

ᠬᠡᠷᠡᠭᠯᠡᠵᠦ ᠪᠤᠯᠬᠤ ᠦᠭᠡᠢ᠂ ᠠᠵᠦ ᠠᠬᠤᠶᠢᠯᠠᠯ ᠠᠵᠢᠯ ᠦᠢᠯᠡᠰ  ᠤᠨ ᠨᠢᠭᠡᠴᠡ ᠪᠠ ᠬᠤᠪᠢ ᠬᠦᠮᠦᠨ  ᠤ ᠬᠦᠷᠬᠡᠬᠦ

ᠲᠡᠷᠭᠡ  ᠶᠢ ᠬᠦᠯᠢᠶᠡᠨ ᠠᠪᠴᠦ ᠪᠤᠯᠬᠤ ᠦᠭᠡᠢ᠂ ᠶᠠᠮᠠᠷᠪᠠ ᠰᠢᠯᠳᠠᠭ  ᠢᠶᠠᠷ ᠬᠠᠤᠯᠢ ᠬᠡᠷᠡᠭᠵᠢᠬᠦᠯᠬᠦ ᠵᠢᠵᠢᠬᠦᠷᠯᠡᠬᠦ᠂

ᠨᠢᠭᠤᠴᠠ ᠴᠢᠮᠡᠭᠡ ᠬᠤᠯᠪᠤᠭ᠎ᠠ ᠵᠡᠷᠭᠡ ᠠᠯᠪᠠᠨ ᠤ ᠲᠡᠷᠭᠡ  ᠶᠢ ᠲᠦᠷᠢᠮ  ᠢ ᠵᠦᠷᠢᠴᠡᠨ ᠬᠡᠷᠡᠭᠯᠡᠬᠦ ᠪᠤᠶᠤ ᠬᠤᠪᠢ

ᠬᠦᠮᠦᠨ  ᠳᠤ ᠲᠤᠭᠳᠠᠭᠠᠨ ᠬᠡᠷᠡᠭᠯᠡᠬᠦᠯᠵᠦ ᠪᠤᠯᠬᠤ ᠦᠭᠡᠢ᠃ ᠵᠠᠮ ᠬᠠᠷᠢᠯᠴᠠᠭᠠᠨ  ᠤ ᠨᠦᠬᠦᠪᠤᠷᠢ  ᠶᠢᠨ ᠨᠡᠷ᠎ᠡ ᠪᠠᠷ

ᠠᠰᠠᠷᠠᠮᠵᠢ ᠲᠠᠷᠬᠠᠭᠠᠵᠦ ᠪᠤᠯᠬᠤ ᠦᠭᠡᠢ᠂ ᠠᠯᠪᠠᠨ  ᠤ ᠬᠦᠮᠦᠰ ᠠᠯᠪᠠᠨ ᠤ ᠶᠠᠪᠤᠳᠠᠯ  ᠤᠨ ᠵᠠᠮ ᠬᠠᠷᠢᠯᠴᠠᠭᠠᠨ  ᠤ

ᠨᠦᠬᠦᠪᠤᠷᠢ ᠠᠪᠤᠴᠢᠬᠠᠭᠠᠳ ᠪᠠᠰᠠ ᠲᠦᠷᠢᠮ  ᠢ ᠵᠦᠷᠢᠴᠡᠨ ᠠᠯᠪᠠᠨ  ᠤ ᠲᠡᠷᠭᠡᠨ  ᠳᠤ ᠰᠠᠭᠤᠵᠦ ᠪᠤᠯᠬᠤ ᠦᠭᠡᠢ᠃

ᠪᠤᠢ ᠪᠦᠬᠦᠢ ᠬᠤᠳᠠᠯᠳᠤᠨ ᠠᠪᠬᠤ ᠲᠡᠷᠭᠡ  ᠶᠢ ᠡᠷᠭᠡᠪᠰᠢ ᠠᠯᠪᠠᠨ ᠤ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ

ᠮᠦᠴᠢᠷ ᠢᠶᠠᠷ ᠬᠢᠨᠠᠨ ᠵᠦᠪᠰᠢᠶᠡᠷᠡᠬᠦᠯᠬᠦ ᠬᠡᠷᠡᠭᠳᠡᠢ᠂ ᠬᠢᠨᠠᠨ ᠵᠦᠪᠰᠢᠶᠡᠷᠡᠭᠡᠳᠦᠢ ᠪᠤᠯ ᠲᠤᠳᠤᠭᠠᠳᠦ  ᠶᠢ ᠬᠠᠮᠠᠭᠠᠯᠠᠬᠤ

ᠰᠠᠯᠠᠭ᠎ᠠ ᠮᠦᠴᠢᠷ  ᠠᠴᠠ ᠫᠠᠶᠢᠰᠠ ᠦᠭᠴᠦ   ᠪᠤᠯᠬᠤ ᠦᠭᠡᠢ᠂ ᠡᠳ᠋  ᠤᠨ ᠵᠠᠰᠠᠭ  ᠤᠨ ᠰᠠᠯᠠᠭ᠎ᠠ ᠮᠦᠴᠢᠷ  ᠠᠴᠠ

ᠵᠠᠷᠤᠳᠠᠯ ᠰᠦᠢᠳᠭᠡᠯ ᠦᠭᠴᠦ ᠪᠤᠯᠬᠤ ᠦᠭᠡᠢ᠃

ᠦᠯᠡᠳᠡᠭᠡᠭᠰᠡᠨ ᠠᠯᠪᠠᠨ  ᠤ ᠲᠡᠷᠭᠡᠨ  ᠤ ᠬᠠᠮᠢᠶᠠᠷᠤᠯᠳᠠ  ᠶᠢᠨ ᠲᠦᠷᠢᠮ  ᠢ ᠪᠠᠶᠢᠭᠤᠯᠤᠨ ᠪᠦᠷᠢᠨᠰᠢᠬᠦᠯᠵᠦ᠂   ︽

ᠠᠯᠪᠠᠨ ᠲᠡᠷᠭᠡ  ᠶᠢ ᠤᠤᠯ  ᠤᠨ ᠠᠳᠠᠯᠢ   ᠬᠡᠷᠡᠭᠯᠡᠵᠦ ᠨᠦᠬᠦᠪᠤᠷᠢ ᠶᠢ ᠬᠡᠪ  ᠢᠶᠠᠷ ᠨᠢ ᠠᠪᠬᠤ︾ ᠦᠵᠡᠭᠳᠡᠯ ᠭᠠᠷᠬᠤ

 ᠠᠴᠠ ᠰᠡᠷᠭᠡᠶᠢᠯᠡᠵᠦ᠂ ᠨᠡᠶᠢᠭᠡᠮᠴᠢᠯᠡᠭᠰᠡᠨ ᠬᠢᠨᠠᠯᠳᠠ ᠲᠠᠯᠪᠢᠬᠤ ᠪᠦᠳᠦᠮᠵᠢᠳᠡᠢ ᠬᠡᠯᠪᠡᠷᠢ ᠪᠠ ᠪᠤᠳᠠᠳᠤ ᠠᠷᠭ᠎ᠠ  ᠶᠢ

ᠠᠯᠬᠤᠮ ᠠᠯᠬᠤᠮ  ᠢᠶᠠᠷ ᠰᠦᠪᠡᠭᠴᠢᠯᠡᠨ᠎ᠡ᠃ ᠰᠠᠬᠢᠯᠭ᠎ᠠ ᠪᠠᠳᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠠᠯᠪᠠᠨ ᠤ

ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢ ᠬᠡᠷᠡᠭᠵᠢᠬᠦᠯᠦᠭᠰᠡᠨ ᠪᠠᠶᠢᠳᠠᠯ  ᠳᠤ ᠬᠢᠨᠠᠯᠳᠠ ᠲᠠᠯᠪᠢᠨ

ᠪᠠᠶᠢᠴᠠᠭᠠᠬᠤ ᠪᠠᠨ ᠴᠢᠩᠭᠠᠳᠬᠠᠵᠦ᠂ ᠤᠯᠠᠨ ᠲᠦᠮᠡᠨ  ᠤ ᠢᠯᠡᠴᠢᠯᠡᠨ ᠮᠡᠳᠡᠬᠦᠯᠬᠦ  ᠶᠢ ᠴᠠᠭ ᠲᠤᠬᠠᠢ ᠳᠤᠨᠢ ᠬᠦᠯᠢᠶᠡᠨ

ᠰᠢᠢᠳᠪᠤᠷᠢᠯᠡᠵᠦ᠂ ᠵᠠᠷᠤᠯᠭ᠎ᠠ  ᠠᠴᠠ ᠬᠡᠳᠦᠷᠡᠬᠦᠯᠦᠨ ᠰᠢᠯᠵᠢᠬᠦᠯᠬᠦ᠂ ᠲᠠᠩᠰᠠᠨ  ᠠᠴᠠ ᠲᠤᠷ᠎ᠠ ᠪᠠᠷ ᠢᠶᠠᠨ ᠲᠠᠶᠢᠯᠵᠦ᠂

ᠲᠤᠷ᠎ᠠ ᠪᠠᠷ  ᠢᠶᠠᠨ ᠵᠠᠷᠤᠬᠤ ᠵᠡᠷᠭᠡ ᠲᠦᠷᠢᠮ  ᠢ ᠵᠦᠷᠢᠴᠡᠬᠦ ᠠᠵᠢᠯᠯᠠᠭ᠎ᠠ  ᠶᠢ ᠰᠠᠬᠢᠯᠭ᠎ᠠ ᠪᠠᠳᠤ ᠬᠠᠤᠯᠢ ᠲᠦᠷᠢᠮ

 ᠢᠶᠠᠷ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠬᠤᠯᠪᠤᠭᠳᠠᠯ ᠪᠦᠬᠦᠢ ᠬᠠᠷᠢᠭᠤᠴᠠᠯᠭᠠᠳᠠᠨ  ᠤ ᠬᠠᠷᠢᠭᠤᠴᠠᠯᠭ᠎ᠠ  ᠶᠢ

ᠴᠢᠩᠭ᠎ᠠ ᠨᠡᠭᠡᠮᠵᠢᠯᠡᠬᠦ ᠬᠡᠷᠡᠭᠳᠡᠢ᠃ ᠬᠢᠨᠠᠨ ᠪᠤᠳᠤᠬᠤ ᠪᠠᠶᠢᠭᠤᠯᠭ᠎ᠠ ᠨᠢ ᠦᠭᠡᠷᠡᠴᠢᠯᠡᠯᠳᠡ  ᠶᠢᠨ ᠲᠠᠷᠠᠭᠠᠬᠢ ᠠᠯᠪᠠᠨ ᠳᠤ

ᠬᠡᠷᠡᠭᠯᠡᠬᠦ ᠲᠡᠷᠭᠡ  ᠶᠢ ᠲᠤᠬᠢᠷᠠᠭᠤᠯᠤᠨ ᠬᠡᠷᠡᠭᠯᠡᠵᠦ ᠬᠠᠮᠠᠭᠠᠯᠠᠬᠤ ᠵᠠᠷᠤᠳᠠᠯ᠂ ᠵᠠᠮ ᠬᠠᠷᠢᠯᠴᠠᠭᠠᠨ  ᠤ ᠨᠦᠬᠦᠪᠤᠷᠢ

ᠲᠠᠷᠬᠠᠭᠠᠬᠤ᠂ ᠲᠡᠷᠭᠡ  ᠶᠢ ᠰᠢᠢᠳᠪᠤᠷᠢᠯᠡᠭᠰᠡᠨ ᠵᠡᠷᠭᠡ  ᠶᠢ ᠡᠳᠦᠷ ᠲᠤᠳᠤᠮ ᠤᠨ ᠪᠠ ᠲᠤᠰᠬᠠᠢ ᠲᠦᠷᠦᠯ  ᠢᠶᠠᠷ

ᠬᠢᠨᠠᠯᠳᠠ ᠲᠠᠯᠪᠢᠬᠤ  ᠳᠤ ᠤᠷᠤᠭᠤᠯᠬᠤ ᠬᠡᠷᠡᠭᠳᠡᠢ᠃

        ︵ᠲᠦᠷᠪᠡ︶ ᠠᠯᠪᠠᠨ  ᠤ ᠶᠠᠪᠤᠳᠠᠯ  ᠢᠶᠠᠷ ᠭᠠᠳᠠᠭᠰᠢ ᠭᠠᠷᠬᠤ  ᠶᠢ ᠦᠨᠡᠨᠬᠦ ᠪᠠᠳᠤᠯᠠᠨ᠎ᠠ

        ᠡᠯ᠎ᠡ ᠬᠤᠰᠢᠭᠤ ᠰᠢᠶᠠᠨ ᠬᠤᠳᠠ ᠤᠷᠤᠨ ᠨᠢ ᠪᠦᠳᠦᠮᠵᠢᠳᠡᠢ ᠠᠷᠭ᠎ᠠ ᠬᠡᠮᠵᠢᠶ᠎ᠡ ᠠᠪᠴᠦ᠂ ᠤᠯᠠᠨ ᠨᠡᠶᠢᠳᠡ

 ᠶᠢᠨ ᠵᠠᠮ ᠬᠠᠷᠢᠯᠴᠠᠭᠠᠨ  ᠤ ᠦᠢᠯᠡᠴᠢᠯᠡᠭᠡᠨ  ᠤ ᠰᠢᠰᠲ᠋ᠧᠮᠵᠢ  ᠶᠢ ᠲᠦᠷᠭᠡᠳᠭᠡᠨ ᠪᠦᠷᠢᠨᠰᠢᠬᠦᠯᠵᠦ᠂ ᠠᠯᠪᠠᠨ  ᠤ

ᠶᠠᠪᠤᠳᠠᠯ  ᠢᠶᠠᠷ ᠭᠠᠳᠠᠭᠰᠢ ᠭᠠᠷᠬᠤ ᠵᠠᠬ᠎ᠠ ᠲᠡᠯᠭᠡᠬᠦᠷᠵᠢᠭᠰᠡᠨ ᠵᠠᠮ ᠬᠠᠷᠢᠯᠴᠠᠭᠠᠨ  ᠤ ᠲᠤᠭᠳᠠᠭᠰᠠᠨ ᠲᠦᠷᠢᠮ  ᠤᠨ

ᠦᠢᠯᠡᠴᠢᠯᠡᠭᠡ  ᠶᠢ   ᠰᠦᠪᠡᠭᠴᠢᠯᠡᠨ ᠬᠦᠭᠵᠢᠬᠦᠯᠵᠦ᠂ ᠨᠡᠶᠢᠭᠡᠮᠴᠢᠯᠡᠭᠰᠡᠨ ᠵᠠᠮ ᠬᠠᠷᠢᠯᠴᠠᠭᠠᠨ  ᠤ ᠪᠠᠭᠠᠵᠢ

ᠲᠦᠬᠦᠭᠡᠷᠦᠮᠵᠢ  ᠶᠢ ᠨᠡᠮᠡᠭᠳᠡᠬᠦᠯᠵᠦ᠂ ᠠᠯᠪᠠᠨ ᠤ ᠶᠠᠪᠤᠳᠠᠯ  ᠢᠶᠠᠷ ᠭᠠᠳᠠᠭᠰᠢ ᠭᠠᠷᠬᠤ  ᠳᠤ ᠲᠤᠯᠭᠠᠷᠠᠬᠤ ᠪᠤᠳᠠᠳᠤ

ᠠᠰᠠᠭᠤᠳᠠᠯ  ᠢ ᠴᠠᠭ ᠲᠤᠬᠠᠢ ᠳᠤᠨᠢ ᠰᠢᠢᠳᠪᠤᠷᠢᠯᠡᠵᠦ᠂ ᠦᠭᠡᠷᠡᠴᠢᠯᠡᠯᠳᠡ  ᠶᠢᠨ ᠲᠠᠷᠠᠭ᠎ᠠ ᠠᠯᠪᠠᠨ  ᠤ ᠶᠠᠪᠤᠳᠠᠯ  ᠢᠶᠠᠷ

ᠭᠠᠳᠠᠭᠰᠢ ᠭᠠᠷᠬᠤ  ᠶᠢ ᠪᠦᠳᠦᠮᠵᠢᠳᠡᠢ ᠪᠠᠳᠤᠯᠠᠬᠤ ᠶᠢ ᠦᠨᠡᠨᠬᠦ ᠪᠡᠶᠡᠯᠡᠬᠦᠯᠦᠨ᠎ᠡ᠃ ᠦᠪᠡᠷᠳᠡᠭᠡᠨ ᠵᠠᠰᠠᠬᠤ ᠤᠷᠤᠨ

 ᠠᠴᠠ᠂ ᠠᠶᠢᠮᠠᠭ ᠬᠤᠰᠢᠭᠤ ᠬᠤᠶᠠᠷ ᠱᠠᠳᠤ ᠨᠢ ᠲᠦᠷ ᠴᠠᠭ ᠰᠢᠢᠳᠪᠤᠷᠢᠯᠡᠵᠦ ᠲᠡᠶᠢᠯᠬᠦ ᠦᠭᠡᠢ ᠲᠡᠷᠭᠡ  ᠶᠢ

ᠠᠰᠢᠭᠯᠠᠵᠦ᠂ ᠰᠢᠯᠵᠢᠯᠳᠡ ᠶᠢᠨ ᠴᠢᠨᠠᠷᠳᠠᠢ ᠲᠡᠷᠭᠡᠨ  ᠤ ᠦᠢᠯᠡᠴᠢᠯᠡᠭᠡᠨ  ᠤ ᠲᠦᠪ ᠪᠤᠶᠤ ᠨᠡᠶᠢᠭᠡᠮᠴᠢᠯᠡᠭᠰᠡᠨ ᠲᠡᠷᠭᠡ

ᠲᠦᠷᠢᠶᠡᠰᠦᠯᠡᠬᠦ ᠺᠤᠮᠫᠠᠨᠢ ᠪᠠᠶᠢᠭᠤᠯᠵᠦ᠂ ᠵᠠᠬ᠎ᠠ ᠲᠡᠯᠭᠡᠬᠦᠷᠴᠢᠯᠡᠨ ᠡᠵᠡᠩᠨᠡᠬᠦ  ᠶᠢ ᠬᠡᠷᠡᠭᠵᠢᠬᠦᠯᠵᠦ᠂ ᠦᠨ᠎ᠡ ᠲᠦᠯᠦᠪᠤᠷᠢ

 ᠲᠠᠢ ᠦᠢᠯᠡᠴᠢᠯᠡᠭᠡ ᠬᠠᠩᠭᠠᠨ᠎ᠠ᠂ ᠵᠠᠰᠠᠭ  ᠤᠨ ᠤᠷᠳᠤᠨ  ᠠᠴᠠ ᠡᠨᠡᠬᠦ ᠲᠠᠰᠢᠷᠠᠮ  ᠢᠶᠠᠷ ᠰᠢᠨ᠎ᠡ ᠠᠯᠪᠠᠨ ᠲᠡᠷᠭᠡᠨ  ᠤ

ᠦᠢᠯᠡᠴᠢᠯᠡᠭᠡᠨ  ᠤ ᠰᠠᠯᠠᠭ᠎ᠠ ᠮᠦᠴᠢᠷ ᠪᠠᠶᠢᠭᠤᠯᠵᠦ ᠪᠤᠯᠬᠤ ᠦᠭᠡᠢ᠂ ᠠᠰᠳᠠᠭᠠᠨ ᠲᠡᠷᠭᠡ ᠬᠤᠳᠠᠯᠳᠤᠨ ᠠᠪᠴᠦ

ᠪᠤᠯᠬᠤ ᠦᠭᠡᠢ᠂ ᠶᠠᠮᠠᠷᠪᠠ ᠠᠷᠭ᠎ᠠ ᠬᠡᠯᠪᠡᠷᠢ ᠪᠠᠷ ᠡᠳ᠋  ᠤᠨ ᠵᠠᠰᠠᠭ  ᠤᠨ ᠴᠢᠨᠠᠷᠳᠠᠢ ᠨᠦᠬᠦᠪᠤᠷᠢ ᠬᠠᠩᠭᠠᠵᠦ ᠪᠤᠯᠬᠤ

ᠦᠭᠡᠢ ᠬᠡᠵᠦ ᠱᠠᠭᠠᠷᠳᠠᠪᠠ᠃ ᠡᠯ᠎ᠡ ᠱᠠᠳᠤᠨ  ᠤ ᠡᠳ᠋  ᠤᠨ ᠵᠠᠰᠠᠭ  ᠤᠨ ᠰᠠᠯᠠᠭ᠎ᠠ ᠮᠦᠴᠢᠷ ᠨᠢ ᠠᠯᠪᠠᠨ ᠤ ᠲᠡᠷᠭᠡ

ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠬᠡᠷᠡᠭᠴᠡᠭᠡ  ᠶᠢ ᠦᠨᠳᠦᠰᠦᠯᠡᠵᠦ᠂ ᠠᠯᠪᠠᠨ  ᠤ ᠶᠠᠪᠤᠳᠠᠯ  ᠢᠶᠠᠷ

ᠭᠠᠳᠠᠭᠰᠢ ᠭᠠᠷᠬᠤ ᠰᠦᠢᠳᠭᠡᠯ  ᠤᠨ ᠬᠠᠮᠢᠶᠠᠷᠤᠯᠳᠠ  ᠶᠢᠨ ᠠᠷᠭ᠎ᠠ  ᠶᠢ ᠲᠤᠬᠢᠷᠠᠭᠤᠯᠤᠨ ᠪᠦᠷᠢᠨᠰᠢᠬᠦᠯᠵᠦ᠂ ᠠᠯᠪᠠᠨ

ᠶᠠᠪᠤᠳᠠᠯ  ᠤᠨ ᠵᠠᠮ ᠬᠠᠷᠢᠯᠴᠠᠭᠠᠨ ᠤ ᠨᠦᠬᠦᠪᠤᠷᠢ ᠶᠢᠨ ᠪᠠᠳᠤᠯᠠᠭ᠎ᠠ  ᠶᠢᠨ ᠬᠦᠷᠢᠶ᠎ᠡ ᠬᠡᠪᠴᠢᠶ᠎ᠡ ᠪᠠ ᠭᠠᠳᠠᠭᠰᠢ ᠭᠠᠷᠬᠤ

ᠰᠦᠢᠳᠭᠡᠯ  ᠤᠨ ᠪᠠᠳᠤᠯᠠᠭ᠎ᠠ  ᠶᠢᠨ ᠬᠦᠷᠢᠶ᠎ᠡ ᠬᠡᠪᠴᠢᠶ᠎ᠡ  ᠶᠢ ᠤᠶᠠᠯᠳᠤᠭᠤᠯᠬᠤ ᠠᠵᠢᠯ  ᠢ ᠰᠠᠶᠢᠳᠤᠷ ᠬᠢᠬᠦ ᠬᠡᠷᠡᠭᠳᠡᠢ᠃

        ᠲᠦᠷᠪᠡ᠂ ᠵᠤᠬᠢᠶᠠᠨ ᠪᠠᠶᠢᠭᠤᠯᠤᠨ ᠬᠡᠷᠡᠭᠵᠢᠬᠦᠯᠬᠦ

        ︵ᠨᠢᠭᠡ︶ ᠤᠳᠤᠷᠢᠳᠤᠯᠭ᠎ᠠ ᠪᠠᠨ ᠴᠢᠩᠭᠠᠳᠬᠠᠨ᠎ᠠ

        ᠠᠶᠢᠮᠠᠭ  ᠤᠨ ᠠᠯᠪᠠᠨ ᠤ ᠲᠡᠷᠭᠡ ᠬᠡᠷᠡᠭᠯᠡᠬᠦ ᠲᠦᠷᠢᠮ ᠤᠨ ᠦᠭᠡᠷᠡᠴᠢᠯᠡᠯᠳᠡ ᠶᠢᠨ ᠤᠳᠤᠷᠢᠳᠬᠤ

ᠲᠤᠭᠤᠶᠢᠯᠠᠩ  ᠠᠴᠠ ᠪᠦᠬᠦ ᠠᠶᠢᠮᠠᠭ  ᠤᠨ ᠠᠯᠪᠠᠨ ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠠᠵᠢᠯ

 ᠢ ᠬᠠᠷᠢᠭᠤᠴᠠᠨ ᠵᠢᠯᠤᠭᠤᠳᠤᠨ ᠵᠤᠬᠢᠴᠠᠭᠤᠯᠵᠦ᠂ ᠪᠦᠬᠦ ᠠᠶᠢᠮᠠᠭ  ᠤᠨ ᠨᠠᠮ ᠵᠠᠰᠠᠭ  ᠤᠨ ᠪᠠᠶᠢᠭᠤᠯᠭ᠎ᠠ ᠪᠠ ᠠᠯᠪᠠᠳᠠᠨ

 ᠤ ᠬᠠᠤᠯᠢ ᠪᠠᠷ   ᠯᠠᠪᠯᠠᠯᠳᠠ ᠪᠤᠯᠭᠠᠬᠤ ᠬᠠᠮᠢᠶᠠᠷᠤᠯᠳᠠ  ᠶᠢᠨ ᠠᠵᠢᠯ ᠦᠢᠯᠡᠰ  ᠤᠨ ᠨᠢᠭᠡᠴᠡ  ᠶᠢᠨ ᠠᠯᠪᠠᠨ  ᠤ

ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠠᠵᠢᠯ  ᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠡᠯ᠎ᠡ

ᠬᠤᠰᠢᠭᠤ ᠰᠢᠶᠠᠨ ᠬᠤᠳᠠ ᠤᠷᠤᠨ᠂ ᠠᠶᠢᠮᠠᠭ  ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠨᠢ

ᠠᠯᠪᠠᠨ  ᠤ ᠲᠡᠷᠭᠡ ᠬᠡᠷᠡᠭᠯᠡᠬᠦ ᠲᠦᠷᠢᠮ ᠤᠨ ᠦᠭᠡᠷᠡᠴᠢᠯᠡᠯᠳᠡ  ᠶᠢᠨ ᠠᠵᠢᠯ  ᠤᠨ ᠲᠤᠭᠤᠶᠢᠯᠠᠩ ᠪᠠᠶᠢᠭᠤᠯᠵᠦ᠂

ᠦᠭᠡᠷᠡᠴᠢᠯᠡᠯᠳᠡ  ᠶᠢᠨ ᠠᠵᠢᠯ  ᠤᠨ ᠤᠷᠤᠭᠰᠢᠳᠠᠢ ᠶᠠᠪᠤᠭᠳᠠᠬᠤ  ᠶᠢ ᠪᠠᠳᠤᠯᠠᠬᠤ ᠬᠡᠷᠡᠭᠳᠡᠢ᠃

        ︵ᠬᠤᠶᠠᠷ︶ ᠬᠠᠷᠢᠭᠤᠴᠠᠯᠭ᠎ᠠ ᠪᠠᠨ ᠲᠤᠳᠤᠷᠬᠠᠶᠢᠯᠠᠨ᠎ᠠ

        ᠡᠯ᠎ᠡ ᠬᠤᠰᠢᠭᠤ ᠰᠢᠶᠠᠨ ᠬᠤᠳᠠ ᠤᠷᠤᠨ ᠪᠠ ᠠᠶᠢᠮᠠᠭ  ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ

ᠡᠯ᠎ᠡ ᠨᠢᠭᠡᠴᠡ  ᠶᠢᠨ ᠭᠤᠤᠯ ᠬᠠᠷᠢᠭᠤᠴᠠᠯᠭᠠᠳᠠᠨ ᠨᠢ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠲᠤᠰ ᠨᠢᠭᠡᠴᠡ

 ᠶᠢᠨ  ᠢᠶᠠᠨ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠠᠵᠢᠯ  ᠢ ᠪᠦᠬᠦ ᠲᠠᠯ᠎ᠠ ᠪᠠᠷ

ᠤᠳᠤᠷᠢᠳᠤᠨ ᠬᠠᠷᠢᠭᠤᠴᠠᠵᠦ᠂ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠦ᠂ ᠡᠬᠦᠷᠭᠡ ᠠᠵᠢᠯ ᠤᠨ ᠬᠤᠪᠢᠶᠠᠷᠢᠯᠠᠯ

 ᠢ ᠲᠤᠳᠤᠷᠬᠠᠶᠢᠯᠠᠵᠦ᠂ ᠬᠤᠯᠪᠤᠭᠳᠠᠯ ᠪᠦᠬᠦᠢ ᠬᠠᠷᠢᠭᠤᠴᠠᠯᠭ᠎ᠠ  ᠶᠢ ᠲᠤᠭᠳᠠᠭᠠᠵᠦ᠂ ᠲᠡᠷᠭᠡᠨ  ᠤ ᠦᠭᠡᠷᠡᠴᠢᠯᠡᠯᠳᠡ

 ᠶᠢᠨ ᠠᠵᠢᠯ  ᠢ ᠪᠤᠳᠠᠳᠤ ᠭᠠᠵᠠᠷ ᠲᠤᠨᠢ ᠨᠠᠶᠢᠳᠠᠪᠤᠷᠢᠵᠢᠭᠤᠯᠬᠤ  ᠶᠢ ᠪᠠᠳᠤᠯᠠᠬᠤ ᠬᠡᠷᠡᠭᠳᠡᠢ᠃

        ︵ᠭᠤᠷᠪᠠ︶ ᠠᠵᠢᠯ  ᠤᠨ ᠬᠡᠪ ᠮᠠᠶ᠋ᠢᠭ  ᠤᠨ ᠰᠢᠨ᠎ᠡ  ᠶᠢ ᠡᠬᠦᠳᠦᠨ᠎ᠡ

        ᠠᠯᠪᠠᠨ  ᠤ ᠲᠡᠷᠭᠡ ᠬᠡᠷᠡᠭᠯᠡᠬᠦ ᠲᠦᠷᠢᠮ  ᠢ ᠦᠭᠡᠷᠡᠴᠢᠯᠡᠭᠰᠡᠨ  ᠤ ᠲᠠᠷᠠᠭ᠎ᠠ᠂ ᠡᠯ᠎ᠡ ᠬᠤᠰᠢᠭᠤ ᠰᠢᠶᠠᠨ

ᠬᠤᠳᠠ ᠤᠷᠤᠨ ᠡᠯ᠎ᠡ ᠰᠠᠯᠠᠭ᠎ᠠ ᠮᠦᠴᠢᠷ ᠡᠯ᠎ᠡ ᠨᠢᠭᠡᠴᠡ ᠨᠢ ᠠᠵᠢᠯ  ᠤᠨ   ᠪᠤᠳᠠᠳᠠᠢ ᠪᠠᠶᠢᠳᠠᠯ ᠲᠠᠢ ᠪᠠᠨ

ᠤᠶᠠᠯᠳᠤᠭᠤᠯᠵᠦ᠂ ᠠᠵᠢᠯ  ᠤᠨ ᠰᠡᠳᠬᠢᠮᠵᠢ ᠪᠠᠨ ᠬᠤᠪᠢᠷᠠᠭᠤᠯᠵᠦ᠂ ᠠᠵᠢᠯ  ᠤᠨ ᠠᠷᠭ᠎ᠠ  ᠶᠢᠨ ᠰᠢᠨ᠎ᠡ  ᠶᠢ

ᠡᠬᠦᠳᠴᠦ᠂   ᠠᠵᠢᠯ  ᠤᠨ ᠬᠡᠪ ᠮᠠᠶ᠋ᠢᠭ ᠢ ᠰᠠᠶᠢᠵᠢᠷᠠᠭᠤᠯᠵᠦ᠂ ᠡᠯ᠎ᠡ ᠵᠦᠢᠯ  ᠤᠨ ᠠᠵᠢᠯ  ᠤᠨ ᠡᠮᠬᠢ ᠲᠢᠭᠯᠢᠮ ᠲᠠᠢ

 ᠪᠠᠷ ᠦᠷᠨᠢᠬᠦ  ᠶᠢ ᠪᠠᠳᠤᠯᠠᠬᠤ ᠬᠡᠷᠡᠭᠳᠡᠢ᠃

        ︵ᠲᠦᠷᠪᠡ︶ ᠶᠠᠷᠢᠶ᠎ᠠ ᠬᠡᠯᠡᠯᠴᠡᠭᠡᠨ  ᠤ ᠵᠢᠯᠤᠭᠤᠳᠤᠯᠭ᠎ᠠ  ᠶᠢ ᠴᠢᠩᠭᠠᠳᠬᠠᠨ᠎ᠠ

        ᠡᠯ᠎ᠡ ᠱᠠᠳᠤᠨ  ᠤ ᠤᠬᠠᠭᠤᠯᠬᠤ ᠰᠠᠯᠠᠭ᠎ᠠ ᠮᠦᠴᠢᠷ ᠨᠢ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ

ᠦᠭᠡᠷᠡᠴᠢᠯᠡᠯᠳᠡ  ᠶᠢᠨ ᠰᠤᠨᠢᠨ ᠮᠡᠳᠡᠭᠡ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠤᠭᠤᠳᠬᠤ ᠠᠵᠢᠯ  ᠢ ᠦᠨᠡᠨᠬᠦ

ᠰᠠᠶᠢᠳᠤᠷ ᠬᠢᠵᠦ᠂ ᠬᠤᠯᠪᠤᠭᠳᠠᠯ ᠪᠦᠬᠦᠢ ᠲᠦᠷᠦ  ᠶᠢᠨ ᠪᠤᠳᠤᠯᠭ᠎ᠠ ᠲᠤᠭᠳᠠᠭᠠᠯ᠂ ᠨᠡᠶᠢᠳᠡᠯᠢᠭ ᠲᠤᠷᠰᠢᠯᠭ᠎ᠠ ᠪᠠ

ᠦᠷ᠎ᠡ ᠪᠦᠳᠦᠮᠵᠢ  ᠶᠢ ᠦᠷᠭᠡᠨ ᠲᠡᠯᠭᠡᠷᠡᠩᠬᠦᠢ ᠤᠬᠠᠭᠤᠯᠵᠦ᠂ ᠨᠡᠶᠢᠭᠡᠮ  ᠤᠨ ᠬᠠᠯᠠᠮᠰᠢᠯ ᠳᠤ ᠴᠠᠭ ᠲᠤᠬᠠᠢ ᠳᠤᠨᠢ

ᠬᠠᠷᠢᠭᠤ ᠲᠤᠰᠬᠠᠵᠦ᠂ ᠦᠷᠭᠡᠨ ᠤᠯᠠᠨ ᠠᠯᠪᠠᠨ ᠠᠵᠢᠯᠳᠠᠨ ᠪᠠ ᠠᠷᠠᠳ ᠤᠯᠠᠨ ᠢᠶᠠᠷ ᠦᠭᠡᠷᠡᠴᠢᠯᠡᠯᠳᠡ  ᠶᠢ

ᠤᠶᠢᠯᠠᠭᠠᠭᠤᠯᠤᠨ ᠲᠡᠮᠵᠢᠬᠦᠯᠵᠦ᠂ ᠦᠭᠡᠷᠡᠴᠢᠯᠡᠯᠳᠡ  ᠳᠤ ᠤᠬᠢ ᠰᠠᠶᠢᠨ ᠨᠡᠶᠢᠭᠡᠮ  ᠤᠨ ᠤᠷᠴᠢᠨ ᠬᠠᠩᠭᠠᠬᠤ ᠪᠠᠷ

ᠴᠢᠷᠮᠠᠶᠢᠨ᠎ᠠ᠃

ᠲᠠᠭᠠᠯᠳᠤᠭᠤᠯᠤᠯ᠄ ⒈ ᠰᠢᠯᠢ ᠶᠢᠨ ᠭᠤᠤᠯ ᠠᠶᠢᠮᠠᠭ ᠤᠨ ᠨᠠᠮ ᠵᠠᠰᠠᠭ  ᠤᠨ ᠪᠠᠶᠢᠭᠤᠯᠭ᠎ᠠ ᠶᠢᠨ ᠠᠯᠪᠠᠨ ᠤ ᠲᠡᠷᠭᠡ

ᠬᠡᠷᠡᠭᠯᠡᠬᠦ ᠲᠦᠷᠢᠮ ᠤᠨ ᠦᠭᠡᠷᠡᠴᠢᠯᠡᠯᠳᠡ ᠳᠤ ᠬᠤᠯᠪᠤᠭᠳᠠᠬᠤ   ᠲᠡᠷᠭᠡᠨ ᠤ ᠰᠢᠢᠳᠪᠤᠷᠢᠯᠡᠬᠦ ᠠᠷᠭ᠎ᠠ

             ⒉ ᠰᠢᠯᠢ ᠶᠢᠨ ᠭᠤᠤᠯ ᠠᠶᠢᠮᠠᠭ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠤ ᠲᠡᠷᠭᠡ

ᠬᠡᠷᠡᠭᠯᠡᠬᠦ ᠦᠭᠡᠷᠡᠴᠢᠯᠡᠯᠳᠡ ᠲᠤᠮᠳᠠ ᠵᠢᠯᠤᠭᠤᠴᠢ ᠠᠵᠢᠯᠳᠠᠨ ᠢ   ᠵᠤᠬᠢᠰᠳᠠᠢ ᠲᠦᠪᠬᠢᠨᠡᠬᠦᠯᠬᠦ ᠬᠡᠷᠡᠭᠵᠢᠬᠦᠯᠬᠦ ᠰᠠᠨᠠᠯ

               ⒊ ᠰᠢᠯᠢ ᠶᠢᠨ ᠭᠤᠤᠯ ᠠᠶᠢᠮᠠᠭ ᠤᠨ ᠨᠠᠮ ᠵᠠᠰᠠᠭ ᠤᠨ ᠪᠠᠶᠢᠭᠤᠯᠭ᠎ᠠ ᠶᠢᠨ ᠬᠠᠤᠯᠢ ᠬᠡᠷᠡᠭᠵᠢᠬᠦᠯᠬᠦ

ᠵᠢᠵᠢᠬᠦᠷᠯᠡᠬᠦ ᠲᠡᠷᠭᠡ ᠬᠡᠷᠡᠭᠯᠡᠬᠦ ᠲᠦᠷᠢᠮ ᠤᠨ ᠦᠭᠡᠷᠡᠴᠢᠯᠡᠯᠳᠡ ᠶᠢᠨ ᠠᠷᠭ᠎ᠠ

ᠲᠠᠭᠠᠯᠳᠤᠭᠤᠯᠤᠯ 1

  ᠰᠢᠯᠢ  ᠶᠢᠨ ᠭᠤᠤᠯ ᠠᠶᠢᠮᠠᠭ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠤ ᠲᠡᠷᠭᠡ ᠬᠡᠷᠡᠭᠯᠡᠬᠦ

  ᠲᠦᠷᠢᠮ  ᠤᠨ   ᠦᠭᠡᠷᠡᠴᠢᠯᠡᠯᠳᠡ  ᠳᠤ   ᠬᠤᠯᠪᠤᠭᠳᠠᠬᠤ   ᠲᠡᠷᠭᠡᠨ  ᠤ   ᠰᠢᠢᠳᠪᠤᠷᠢᠯᠡᠬᠦ   ᠠᠷᠭ᠎ᠠ

        ᠨᠢᠭᠡᠳᠦᠭᠡᠷ ᠵᠤᠷᠪᠤᠰ   ᠪᠦᠬᠦ ᠠᠶᠢᠮᠠᠭ  ᠤᠨ ᠨᠠᠮ ᠵᠠᠰᠠᠭ  ᠤᠨ ᠪᠠᠶᠢᠭᠤᠯᠭ᠎ᠠ  ᠶᠢᠨ ᠠᠯᠪᠠᠨ  ᠤ ᠲᠡᠷᠭᠡ

ᠬᠡᠷᠡᠭᠯᠡᠬᠦ   ᠲᠦᠷᠢᠮ  ᠤᠨ ᠦᠭᠡᠷᠡᠴᠢᠯᠡᠯᠳᠡ  ᠳᠤ ᠬᠤᠯᠪᠤᠭᠳᠠᠬᠤ ᠲᠡᠷᠭᠡᠨ ᠤ ᠰᠢᠢᠳᠪᠤᠷᠢᠯᠠᠨ ᠬᠠᠮᠢᠶᠠᠷᠬᠤ ᠠᠵᠢᠯ  ᠢ

ᠵᠢᠷᠤᠮᠵᠢᠭᠤᠯᠬᠤ  ᠶᠢᠨ ᠲᠤᠰᠠᠳᠠ᠂ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ  ᠤ ᠠᠯᠪᠠᠨ  ᠤ ᠲᠡᠷᠭᠡ  

ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠠᠵᠢᠯ  ᠤᠨ ᠰᠠᠨᠠᠯ ᠲᠤᠭᠳᠠᠭᠠᠯ ᠵᠢᠴᠢ ᠠᠶᠢᠮᠠᠭ  ᠤᠨ ᠠᠯᠪᠠᠨ  ᠤ

ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ︽ᠬᠡᠷᠡᠭᠵᠢᠬᠦᠯᠬᠦ ᠲᠦᠰᠦᠯ︾  ᠤᠨ ᠵᠤᠷᠢᠭ ᠰᠠᠨᠠᠭ᠎ᠠ  ᠶᠢ

ᠦᠨᠳᠦᠰᠦᠯᠡᠵᠦ᠂ ᠲᠤᠰ ᠠᠷᠭ᠎ᠠ  ᠶᠢ ᠲᠤᠭᠳᠠᠭᠠᠪᠠ᠃

      ᠬᠤᠶᠠᠳᠤᠭᠠᠷ ᠵᠤᠷᠪᠤᠰ     ᠡᠯ᠎ᠡ ᠱᠠᠳᠤᠨ  ᠤ ᠨᠠᠮ ᠵᠠᠰᠠᠭ  ᠤᠨ ᠪᠠᠶᠢᠭᠤᠯᠭ᠎ᠠ ︵ᠡᠯ᠎ᠡ ᠱᠠᠳᠤᠨ  ᠤ ᠨᠠᠮ

 ᠤᠨ ᠬᠤᠷᠢᠶ᠎ᠠ᠂ ᠠᠷᠠᠳ  ᠤᠨ ᠲᠦᠯᠦᠭᠡᠯᠡᠭᠴᠢᠳ  ᠤᠨ ᠶᠡᠭᠡ ᠬᠤᠷᠠᠯ᠂ ᠵᠠᠰᠠᠭ  ᠤᠨ ᠤᠷᠳᠤᠨ᠂ ᠤᠯᠤᠰ ᠲᠦᠷᠦ

 ᠶᠢᠨ ᠵᠦᠪᠯᠡᠯᠭᠡᠨ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠠ ᠦᠢᠯᠡᠳᠪᠤᠷᠢ ᠬᠤᠳᠠᠯᠳᠤᠭᠠᠨ  ᠤ ᠬᠤᠯᠪᠤᠭ᠎ᠠ᠂

ᠠᠯᠪᠠᠳᠠᠨ  ᠤ ᠬᠠᠤᠯᠢ ᠪᠠᠷ   ᠯᠠᠪᠯᠠᠯᠳᠠ ᠪᠤᠯᠭᠠᠬᠤ ᠬᠠᠮᠢᠶᠠᠷᠤᠯᠳᠠ ᠶᠢᠨ ᠠᠷᠠᠳ  ᠤᠨ ᠪᠦᠯᠬᠦᠮ  ᠤᠳ᠂ ᠤᠯᠠᠨ

ᠲᠦᠮᠡᠨᠴᠢ ᠪᠦᠯᠬᠦᠮ᠂ ᠠᠵᠢᠯ ᠦᠢᠯᠡᠰ  ᠤᠨ ᠨᠢᠭᠡᠴᠡ᠂ ᠲᠤᠷᠤᠭᠰᠢ ᠠᠳᠠᠯᠢ︶ ᠶᠢᠨ ᠠᠯᠪᠠᠨ  ᠳᠤ ᠬᠡᠷᠡᠭᠯᠡᠵᠦ

ᠪᠠᠶᠢᠭ᠎ᠠ ᠲᠡᠷᠭᠡ  ᠶᠢ ᠰᠢᠢᠳᠪᠤᠷᠢᠯᠡᠬᠦ  ᠳᠤ ᠲᠤᠰ ᠠᠷᠭ᠎ᠠ  ᠶᠢ ᠬᠡᠷᠡᠭᠯᠡᠨ᠎ᠡ᠃

      ᠭᠤᠷᠪᠠᠳᠤᠭᠠᠷ ᠵᠤᠷᠪᠤᠰ     ᠲᠤᠰ ᠠᠷᠭ᠎ᠠ ᠳᠤ ᠲᠤᠷᠠᠳᠤᠭᠰᠠᠨ ᠲᠡᠷᠭᠡ ᠪᠤᠯ ᠡᠯ᠎ᠡ ᠱᠠᠳᠤᠨ  ᠤ ᠨᠠᠮ ᠵᠠᠰᠠᠭ

 ᠤᠨ ᠪᠠᠶᠢᠭᠤᠯᠭ᠎ᠠ  ᠶᠢᠨ ᠠᠯᠪᠠᠨ  ᠳᠤ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠳᠤ ᠬᠤᠯᠪᠤᠭᠳᠠᠬᠤ ᠪᠤᠢ ᠪᠦᠬᠦᠢ

ᠠᠯᠪᠠᠨ  ᠤ ᠲᠡᠷᠭᠡ  ᠶᠢ ᠵᠢᠭᠠᠵᠦ ᠪᠤᠢ᠂ ᠵᠦᠪᠰᠢᠶᠡᠷᠡᠨ ᠦᠯᠡᠳᠡᠭᠡᠬᠦ ᠲᠡᠷᠭᠡ ᠪᠠ ᠬᠠᠰᠤᠬᠤ ᠵᠤᠬᠢᠰᠳᠠᠢ ᠲᠡᠷᠭᠡ  ᠶᠢ

ᠪᠠᠭᠳᠠᠭᠠᠨ᠎ᠠ᠃

      ᠲᠦᠷᠪᠡᠳᠦᠭᠡᠷ ᠵᠤᠷᠪᠤᠰ     ᠦᠯᠡᠳᠡᠭᠡᠬᠦ ᠲᠡᠷᠭᠡ  ᠶᠢ ᠴᠢᠩᠭ᠎ᠠ ᠬᠢᠵᠠᠭᠠᠷᠯᠠᠨ᠎ᠠ᠃ ᠬᠠᠰᠤᠭᠰᠠᠨ ᠲᠡᠷᠭᠡ  ᠶᠢ

ᠰᠢᠢᠳᠪᠤᠷᠢᠯᠡᠬᠦ ᠳᠤ᠂ ᠲᠦᠪ ᠭᠤᠤᠯᠴᠢ ᠡᠷᠭᠡ ᠲᠡᠭᠰᠢ᠂ ᠲᠦᠪᠯᠡᠷᠡᠬᠦᠯᠦᠨ ᠨᠢᠭᠡᠳᠭᠡᠬᠦ᠂ ᠵᠢᠷᠤᠮᠵᠢᠯ ᠲᠠᠢ ᠢᠯᠡ

ᠲᠤᠳᠤ᠂ ᠪᠦᠷᠢᠯᠭᠡᠨ ᠰᠦᠢᠳᠭᠡᠬᠦ  ᠶᠢ ᠬᠤᠷᠢᠭᠯᠠᠨ ᠵᠤᠭᠰᠤᠭᠠᠬᠤ ᠵᠠᠷᠴᠢᠮ  ᠢᠶᠠᠷ᠂ ᠢᠯᠡ ᠪᠠᠷ ᠦᠨ᠎ᠡ ᠬᠠᠶᠠᠨ

ᠬᠤᠳᠠᠯᠳᠤᠬᠤ ᠵᠡᠷᠭᠡ ᠠᠷᠭ᠎ᠠ ᠬᠡᠯᠪᠡᠷᠢ ᠪᠠᠷ ᠰᠢᠢᠳᠪᠤᠷᠢᠯᠡᠵᠦ᠂ ᠦᠨ᠎ᠡ ᠶᠢ ᠪᠠᠭᠤᠷᠠᠭᠤᠯᠤᠨ ᠬᠤᠳᠠᠯᠳᠤᠬᠤ ᠪᠠ ᠭᠢᠮᠳᠠ

ᠦᠨ᠎ᠡ ᠪᠠᠷ ᠬᠤᠳᠠᠯᠳᠤᠬᠤ  ᠠᠴᠠ ᠰᠡᠷᠭᠡᠶᠢᠯᠡᠵᠦ᠂ ᠤᠯᠤᠰ  ᠤᠨ ᠡᠳ᠋ ᠬᠦᠷᠦᠩᠭᠡ  ᠶᠢ ᠠᠯᠳᠠᠭᠳᠠᠭᠤᠯᠬᠤ ᠠᠴᠠ

ᠵᠠᠶᠢᠯᠠᠰᠬᠢᠬᠦ ᠬᠡᠷᠡᠭᠳᠡᠢ᠃

      ᠲᠠᠪᠤᠳᠤᠭᠠᠷ ᠵᠤᠪᠤᠰ     ᠠᠶᠢᠮᠠᠭ  ᠤᠨ ᠠᠯᠪᠠᠨ  ᠳᠤ ᠬᠡᠷᠡᠭᠯᠡᠬᠦ ᠲᠡᠷᠭᠡ  ᠶᠢ ᠭᠤᠤᠯᠯᠠᠨ ᠬᠠᠮᠢᠶᠠᠷᠬᠤ

ᠰᠠᠯᠠᠭ᠎ᠠ ᠮᠦᠴᠢᠷ ᠨᠢ ᠪᠦᠬᠦ ᠠᠶᠢᠮᠠᠭ  ᠤᠨ ᠠᠯᠪᠠᠨ ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠳᠤ

ᠬᠤᠯᠪᠤᠭᠳᠠᠬᠤ ᠲᠡᠷᠭᠡᠨ  ᠤ ᠰᠢᠢᠳᠪᠤᠷᠢᠯᠡᠨ ᠬᠠᠮᠢᠶᠠᠷᠬᠤ ᠲᠦᠷᠢᠮ  ᠤᠨ ᠬᠡᠷᠡᠭᠵᠢᠬᠦᠯᠬᠦ ᠰᠠᠨᠠᠯ  ᠢ ᠨᠢᠭᠡᠳᠦᠯᠳᠡᠢ

ᠲᠤᠭᠳᠠᠭᠠᠵᠦ᠂ ᠪᠦᠬᠦ ᠠᠶᠢᠮᠠᠭ  ᠤᠨ   ᠦᠭᠡᠷᠡᠴᠢᠯᠡᠯᠳᠡ  ᠳᠤ ᠬᠤᠯᠪᠤᠭᠳᠠᠬᠤ ᠲᠡᠷᠭᠡᠨ  ᠤ ᠰᠢᠢᠳᠪᠤᠷᠢᠯᠡᠬᠦ ᠠᠵᠢᠯ  ᠢ

ᠬᠠᠷᠢᠭᠤᠴᠠᠨ᠎ᠠ᠃

      ᠵᠢᠷᠭᠤᠳᠤᠭᠠᠷ ᠵᠤᠷᠪᠤᠰ     ᠦᠯᠡᠳᠡᠭᠡᠬᠦ ᠲᠡᠷᠭᠡᠨ  ᠤ ᠬᠦᠷᠢᠶ᠎ᠡ ᠬᠡᠪᠴᠢᠶ᠎ᠡ  ᠶᠢ ᠴᠢᠬᠤᠯᠠᠳᠠᠢ ᠨᠢᠭᠤᠴᠠ

ᠴᠢᠮᠡᠭᠡ ᠬᠤᠯᠪᠤᠭ᠎ᠠ᠂ ᠪᠠᠴᠢᠮ ᠠᠷᠭᠠᠴᠠᠬᠤ᠂ ᠤᠨᠴᠠᠭᠠᠢ ᠲᠤᠰᠬᠠᠢ ᠮᠡᠷᠭᠡᠵᠢᠯ ᠤᠨ ᠬᠡᠷᠡᠭᠯᠡᠬᠦ ᠲᠡᠷᠭᠡ ᠪᠠ ᠲᠤᠭᠳᠠᠭᠠᠯ

 ᠳᠤ ᠨᠡᠶᠢᠴᠡᠬᠦ ᠨᠢᠭᠡᠳᠦᠭᠡᠷ ᠹᠷᠤᠨᠲ  ᠤᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠲᠡᠷᠭᠡ ᠵᠢᠴᠢ ᠪᠤᠰᠤᠳ ᠲᠡᠷᠭᠡ ᠪᠠᠷ

ᠯᠠ ᠬᠢᠵᠠᠭᠠᠷᠯᠠᠨ᠎ᠠ᠃

ᠡᠯ᠎ᠡ ᠱᠠᠳᠤᠨ  ᠤ ᠨᠠᠮ ᠵᠠᠰᠠᠭ  ᠤᠨ ᠪᠠᠶᠢᠭᠤᠯᠭ᠎ᠠ  ᠶᠢᠨ ᠦᠯᠡᠳᠡᠭᠡᠬᠦ ᠲᠡᠷᠭᠡᠨ  ᠳᠤ ᠤᠷᠤᠨ ᠲᠤᠭᠠᠨ  ᠤ

ᠬᠠᠮᠢᠶᠠᠷᠤᠯᠳᠠ  ᠶᠢ ᠬᠡᠷᠡᠭᠵᠢᠬᠦᠯᠦᠨ᠎ᠡ᠃ ᠲᠡᠷᠭᠡᠨ  ᠤ ᠤᠷᠤᠨ ᠲᠤᠭ᠎ᠠ ᠶᠢ ᠲᠤᠰ ᠱᠠᠳᠤᠨ  ᠤ ᠠᠯᠪᠠᠨ  ᠤ ᠲᠡᠷᠭᠡ

 ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠡᠯ᠎ᠡ ᠰᠠᠯᠠᠭ᠎ᠠ ᠮᠦᠴᠢᠷ ᠡᠯ᠎ᠡ ᠨᠢᠭᠡᠴᠡ  ᠶᠢᠨ ᠬᠦᠮᠦᠰ  ᠤᠨ

ᠤᠷᠤᠨ ᠲᠤᠭ᠎ᠠ᠂ ᠠᠵᠢᠯ  ᠤᠨ ᠬᠡᠷᠡᠭᠴᠡᠭᠡ ᠵᠡᠷᠭᠡ ᠬᠦᠴᠦᠨ ᠵᠦᠢᠯ  ᠢ ᠦᠨᠳᠦᠰᠦᠯᠡᠵᠦ ᠲᠤᠭᠳᠠᠭᠠᠨ᠎ᠠ᠃

      ᠲᠤᠯᠤᠳᠤᠭᠠᠷ ᠵᠤᠷᠪᠤᠰ     ᠨᠢᠭᠡᠴᠡ ᠪᠦᠷᠢ  ᠶᠢᠨ ᠦᠯᠡᠳᠡᠭᠡᠭᠰᠡᠨ ᠪᠤᠳᠠᠳᠠᠢ ᠲᠡᠷᠭᠡ ᠨᠢ ᠡᠷᠭᠡᠪᠰᠢ

ᠲᠤᠭᠳᠠᠭᠠᠭᠰᠠᠨ ᠲᠤᠬᠢᠷᠠᠭᠤᠯᠬᠤ ᠪᠠᠷᠢᠮᠵᠢᠶᠠᠨ  ᠳᠤ ᠨᠡᠶᠢᠴᠡᠵᠦ᠂ ᠲᠤᠭᠳᠠᠭᠠᠭᠰᠠᠨ ᠲᠡᠷᠭᠡᠨ  ᠤ ᠬᠡᠯᠪᠡᠷᠢ  ᠶᠢᠨ

ᠬᠡᠪᠴᠢᠶᠡᠨ ᠳᠤ ᠨᠡᠶᠢᠴᠡᠵᠦ᠂ ᠲᠤᠭᠳᠠᠭᠠᠭᠰᠠᠨ ᠬᠡᠷᠡᠭᠯᠡᠬᠦ ᠬᠦᠷᠢᠶ᠎ᠡ ᠬᠡᠪᠴᠢᠶᠡᠨ  ᠳᠤ ᠨᠡᠶᠢᠴᠡᠭᠰᠡᠨ ᠪᠠᠶᠢᠬᠤ ᠬᠡᠷᠡᠭᠳᠡᠢ᠃

      ᠨᠠᠢᠮᠠᠳᠤᠭᠠᠷ ᠵᠤᠷᠪᠤᠰ     ᠡᠯ᠎ᠡ ᠱᠠᠳᠤᠨ  ᠤ ᠨᠠᠮ ᠵᠠᠰᠠᠭ  ᠤᠨ ᠪᠠᠶᠢᠭᠤᠯᠭ᠎ᠠ ᠨᠢ ᠲᠤᠰ ᠱᠠᠳᠤᠨ  ᠤ ᠡᠯ᠎ᠡ

ᠰᠠᠯᠠᠭ᠎ᠠ ᠮᠦᠴᠢᠷ ᠡᠯ᠎ᠡ ᠨᠢᠭᠡᠴᠡ ᠵᠢᠴᠢ ᠬᠠᠷᠢᠶᠠᠯᠠᠭᠳᠠᠵᠦ ᠪᠠᠶᠢᠭ᠎ᠠ ᠠᠵᠢᠯ ᠦᠢᠯᠡᠰ  ᠤᠨ ᠨᠢᠭᠡᠴᠡ  ᠶᠢᠨ ᠠᠯᠪᠠᠨ

 ᠳᠤ ᠬᠡᠷᠡᠭᠯᠡᠬᠦ ᠲᠡᠷᠭᠡ  ᠶᠢ ᠴᠡᠪᠡᠷᠯᠡᠨ ᠲᠡᠮᠳᠡᠭᠯᠡᠵᠦ᠂ ᠦᠮᠴᠢᠯᠡᠯ  ᠤᠨ ᠡᠷᠭᠡ ᠲᠤᠳᠤ᠂ ᠬᠠᠷᠢᠶᠠᠯᠠᠭᠳᠠᠬᠤ ᠡᠷᠭᠡ

ᠲᠤᠳᠤᠷᠬᠠᠢ᠂ ᠮᠠᠲ᠋ᠧᠷᠢᠶᠠᠯ ᠪᠦᠷᠢᠨ ᠬᠦᠢᠴᠡᠳ᠂ ᠦᠨᠡᠮᠯᠡᠯ ᠲᠡᠮᠳᠡᠭ ᠪᠦᠷᠢᠨ ᠪᠠᠶᠢᠬᠤ  ᠶᠢ ᠪᠠᠳᠤᠯᠠᠬᠤ ᠬᠡᠷᠡᠭᠳᠡᠢ᠃

      ᠶᠢᠰᠦᠳᠦᠭᠡᠷ ᠵᠤᠷᠪᠤᠰ     ᠡᠯ᠎ᠡ ᠱᠠᠳᠤᠨ ᠤ ᠨᠠᠮ ᠵᠠᠰᠠᠭ  ᠤᠨ ᠪᠠᠶᠢᠭᠤᠯᠭ᠎ᠠ ᠨᠢ ᠬᠢᠨᠠᠨ ᠲᠤᠭᠳᠠᠭᠠᠨ

ᠦᠯᠡᠳᠡᠭᠡᠭᠰᠡᠨ ᠲᠡᠷᠭᠡᠨ  ᠤ ᠤᠷᠤᠨ ᠲᠤᠭ᠎ᠠ  ᠶᠢ ᠦᠨᠳᠦᠰᠦᠯᠡᠵᠦ᠂ ᠲᠤᠰ ᠱᠠᠳᠤᠨ  ᠤ ᠠᠯᠪᠠᠨ ᠳᠤ ᠬᠡᠷᠡᠭᠯᠡᠬᠦ

ᠲᠡᠷᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠲᠤ ᠲᠡᠷᠭᠡ ᠦᠯᠡᠳᠡᠭᠡᠬᠦ ᠡᠷᠡᠮᠡᠯᠵᠡᠯᠡᠯ  ᠢᠶᠠᠨ ᠲᠤᠰᠢᠶᠠᠵᠦ᠂

ᠦᠯᠡᠳᠡᠭᠡᠬᠦ ᠰᠢᠯᠳᠠᠭᠠᠨ  ᠢᠶᠠᠨ ᠲᠤᠳᠤᠷᠬᠠᠶᠢᠯᠠᠵᠦ᠂ ᠪᠦᠬᠦ ᠲᠡᠷᠭᠡᠨ  ᠤ ᠨᠡᠷ᠎ᠡ ᠲᠡᠮᠳᠡᠭ᠂ ᠬᠡᠯᠪᠡᠷᠢ ᠨᠤᠮᠧᠷ᠂ ᠫᠠᠶᠢᠰᠠ

 ᠶᠢᠨ ᠨᠤᠮᠧᠷ᠂ ᠲᠡᠷᠭᠡᠨ  ᠤ ᠦᠢᠯᠡᠳᠪᠤᠷᠢᠯᠡᠭᠰᠡᠨ ᠨᠤᠮᠧᠷ᠂ ᠬᠡᠷᠡᠭᠯᠡᠬᠦ ᠤᠨ ᠬᠢᠵᠠᠭᠠᠷᠯᠠᠯ᠂ ᠠᠶᠠᠯᠠᠭᠰᠠᠨ ᠵᠠᠮ ᠤᠨ

ᠤᠷᠳᠦ ᠵᠡᠷᠭᠡ ᠰᠤᠷᠠᠭ ᠴᠢᠮᠡᠭᠡ  ᠶᠢ ᠲᠠᠭᠠᠯᠳᠤᠭᠤᠯᠬᠤ ᠬᠡᠷᠡᠭᠳᠡᠢ᠃

      ᠡᠯ᠎ᠡ ᠬᠤᠰᠢᠭᠤ ᠰᠢᠶᠠᠨ ᠬᠤᠳᠠ ᠤᠷᠤᠨ ᠪᠠ ᠠᠶᠢᠮᠠᠭ  ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ

ᠡᠯ᠎ᠡ ᠨᠢᠭᠡᠴᠡ  ᠶᠢᠨ ᠠᠯᠪᠠᠨ  ᠳᠤ ᠬᠡᠷᠡᠭᠯᠡᠬᠦ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠠᠴᠠ

ᠬᠠᠷᠢᠭᠤᠴᠠᠨ ᠬᠢᠨᠠᠵᠦ᠂ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠲᠤᠰ ᠨᠢᠭᠡᠴᠡ ᠶᠢᠨ ᠦᠯᠡᠳᠡᠭᠡᠬᠦ ᠲᠡᠷᠭᠡᠨ

 ᠤ ᠰᠤᠷᠠᠭ ᠴᠢᠮᠡᠭᠡ  ᠶᠢ ᠡᠮᠬᠢᠳᠭᠡᠵᠦ᠂ ᠠᠶᠢᠮᠠᠭ  ᠤᠨ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ

ᠦᠭᠡᠷᠡᠴᠢᠯᠡᠯᠳᠡ  ᠶᠢᠨ ᠤᠳᠤᠷᠢᠳᠬᠤ ᠲᠤᠭᠤᠶᠢᠯᠠᠩ  ᠳᠤ ᠮᠡᠳᠡᠬᠦᠯᠦᠨ ᠬᠢᠨᠠᠨ ᠵᠦᠪᠰᠢᠶᠡᠷᠡᠬᠦᠯᠦᠨ᠎ᠡ᠃

      ᠠᠷᠪᠠᠳᠤᠭᠠᠷ ᠵᠤᠷᠪᠤᠰ     ᠬᠢᠨᠠᠨ ᠵᠦᠪᠰᠢᠶᠡᠷᠡᠵᠦ ᠦᠯᠡᠳᠡᠭᠡᠬᠦ ᠲᠡᠷᠭᠡᠨ  ᠠᠴᠠ ᠭᠠᠳᠠᠨ᠎ᠠ᠂ ᠡᠯ᠎ᠡ ᠱᠠᠳᠤᠨ

 ᠤ ᠨᠠᠮ ᠵᠠᠰᠠᠭ  ᠤᠨ ᠪᠠᠶᠢᠭᠤᠯᠭ᠎ᠠ  ᠶᠢᠨ ᠪᠤᠰᠤᠳ ᠠᠯᠪᠠᠨ  ᠳᠤ ᠬᠡᠷᠡᠭᠯᠡᠬᠦ ᠲᠡᠷᠭᠡ  ᠶᠢ ᠴᠦᠮ ᠬᠠᠰᠤᠨ᠎ᠠ᠃

ᠬᠠᠰᠤᠭᠰᠠᠨ ᠲᠡᠷᠭᠡ  ᠶᠢ ᠲᠤᠤᠷᠠᠬᠢ ᠠᠯᠬᠤᠮ ᠲᠠᠷᠠᠭ᠎ᠠ ᠪᠠᠷ ᠰᠢᠢᠳᠪᠤᠷᠢᠯᠡᠨ᠎ᠡ᠄

        ︵ᠨᠢᠭᠡ︶ ᠡᠯ᠎ᠡ ᠰᠠᠯᠠᠭ᠎ᠠ ᠮᠦᠴᠢᠷ ᠡᠯ᠎ᠡ ᠨᠢᠭᠡᠴᠡ ᠨᠢ ᠬᠠᠰᠤᠭᠰᠠᠨ ᠲᠡᠷᠭᠡ  ᠶᠢ ᠪᠢᠳᠡᠬᠦᠮᠵᠢᠯᠡᠨ

ᠵᠤᠭᠰᠤᠭᠠᠬᠤ  ᠶᠢᠨ ᠬᠠᠮᠳᠤ   ᠮᠠᠰᠢᠨ ᠲᠡᠷᠭᠡᠨ  ᠤ ᠪᠦᠷᠢᠳᠭᠡᠯ  ᠤᠨ ᠦᠨᠡᠮᠯᠡᠯ᠂ ᠠᠶᠠᠯᠠᠯ  ᠤᠨ ᠦᠨᠡᠮᠯᠡᠯ᠂

ᠬᠤᠳᠠᠯᠳᠤᠨ ᠠᠪᠤᠭᠰᠠᠨ ᠪᠠᠷᠢᠮᠳᠠ᠂ ᠨᠡᠮᠡᠯᠳᠡ ᠰᠦᠢᠳᠭᠡᠯ ᠲᠤᠰᠢᠶᠠᠭᠰᠠᠨ ᠪᠠᠷᠢᠮᠳᠠ᠂ ᠲᠠᠭᠠᠳᠬᠠᠯ ᠤᠨ ᠰᠦᠢᠳᠭᠡᠯ

ᠲᠤᠰᠢᠶᠠᠭᠰᠠᠨ ᠪᠠᠷᠢᠮᠳᠠ᠂ ᠲᠡᠷᠭᠡ ᠬᠡᠷᠡᠭᠯᠡᠬᠦ ᠰᠦᠢᠳᠭᠡᠯ  ᠤᠨ ᠪᠠᠷᠢᠮᠳᠠ᠂ ᠵᠤᠬᠢᠶᠠᠨ ᠪᠠᠶᠢᠭᠤᠯᠤᠯᠳᠠ ᠪᠠᠶᠢᠭᠤᠯᠤᠮᠵᠢ

 ᠶᠢᠨ ᠤᠷᠤᠯᠠᠬᠤ ᠨᠤᠮᠧᠷ  ᠤᠨ ᠦᠨᠡᠮᠯᠠᠯ ᠵᠡᠷᠭᠡ ᠮᠠᠲ᠋ᠧᠷᠢᠶᠠᠯ  ᠢ ᠪᠦᠷᠢᠨ ᠪᠡᠯᠡᠳᠭᠡᠨ᠎ᠡ︔

        ︵ᠬᠤᠶᠠᠷ︶ ᠡᠯ᠎ᠡ ᠱᠠᠳᠤᠨ  ᠤ ᠠᠯᠪᠠᠨ  ᠳᠤ ᠬᠡᠷᠡᠭᠯᠡᠬᠦ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ

ᠮᠦᠴᠢᠷ ᠨᠢ ᠦᠨᠡᠯᠡᠨ ᠵᠢᠱᠢᠵᠦ ᠬᠢᠨᠠᠨ ᠲᠤᠭᠳᠠᠭᠠᠬᠤ ᠪᠠᠶᠢᠭᠤᠯᠤᠮᠵᠢ  ᠶᠢ ᠵᠤᠬᠢᠶᠠᠨ ᠪᠠᠶᠢᠭᠤᠯᠤᠨ᠂ ᠲᠤᠰ ᠱᠠᠳᠤᠨ

 ᠤ ᠡᠯ᠎ᠡ ᠰᠠᠯᠠᠭ᠎ᠠ ᠮᠦᠴᠢᠷ ᠡᠯ᠎ᠡ ᠨᠢᠭᠡᠴᠡ  ᠶᠢᠨ ᠬᠠᠰᠤᠭᠰᠠᠨ ᠲᠡᠷᠭᠡ  ᠶᠢ ᠬᠢᠨᠠᠨ ᠲᠤᠭᠳᠠᠭᠠᠨ ᠦᠨᠡᠯᠡᠵᠦ᠂ ᠬᠢᠨᠠᠨ

ᠲᠤᠭᠳᠠᠭᠠᠨ ᠦᠨᠡᠯᠡᠭᠰᠡᠨ ᠦᠷ᠎ᠡ ᠳ᠋ᠦᠩ᠂ ᠲᠡᠷᠭᠡᠨ  ᠤ ᠪᠤᠳᠠᠳᠤ ᠪᠠᠶᠢᠳᠠᠯ ᠵᠢᠴᠢ ᠵᠠᠮ ᠬᠠᠷᠢᠯᠴᠠᠭᠠᠨ  ᠤ

ᠬᠠᠮᠢᠶᠠᠷᠤᠯᠳᠠ  ᠶᠢᠨ ᠬᠤᠯᠪᠤᠭᠳᠠᠯ ᠪᠦᠬᠦᠢ ᠲᠤᠭᠳᠠᠭᠠᠯ  ᠢ ᠦᠨᠳᠦᠰᠦᠯᠡᠵᠦ᠂ ᠰᠢᠢᠳᠪᠤᠷᠢᠯᠡᠬᠦ ᠰᠠᠨᠠᠯ  ᠢᠶᠠᠨ

ᠲᠤᠷᠠᠳᠤᠨ ᠠᠶᠢᠮᠠᠭ  ᠤᠨ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠤᠳᠤᠷᠢᠳᠬᠤ

ᠲᠤᠭᠤᠶᠢᠯᠠᠩ  ᠳᠤ ᠮᠡᠳᠡᠬᠦᠯᠦᠨ ᠬᠢᠨᠠᠨ ᠵᠦᠪᠰᠢᠶᠡᠷᠡᠬᠦᠯᠦᠨ᠎ᠡ︔

        ︵ᠭᠤᠷᠪᠠ︶ ᠡᠯ᠎ᠡ ᠰᠠᠯᠠᠭ᠎ᠠ ᠮᠦᠴᠢᠷ ᠡᠯ᠎ᠡ ᠨᠢᠭᠡᠴᠡ ᠨᠢ ᠴᠤᠬᠤᠯᠠᠪᠤᠷᠢᠯᠠᠭᠰᠠᠨ ᠰᠠᠨᠠᠯ  ᠢ ᠦᠨᠳᠦᠰᠦᠯᠡᠵᠦ

᠂ ᠬᠠᠰᠤᠭᠰᠠᠨ ᠲᠡᠷᠭᠡ ᠪᠠᠨ ᠲᠤᠭᠳᠠᠭᠰᠠᠨ ᠴᠠᠭ ᠬᠢᠵᠠᠭᠠᠷᠯᠠᠯ  ᠢᠶᠠᠷ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠲᠤ

ᠲᠤᠰᠢᠶᠠᠨ ᠲᠦᠪᠯᠡᠷᠡᠬᠦᠯᠦᠨ ᠰᠢᠢᠳᠪᠤᠷᠢᠯᠡᠨ᠎ᠡ︔

        ︵ᠲᠦᠷᠪᠡ︶ ᠡᠯ᠎ᠡ ᠱᠠᠳᠤᠨ  ᠤ ᠠᠯᠪᠠᠨ  ᠳᠤ ᠬᠡᠷᠡᠭᠯᠡᠬᠦ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ

ᠮᠦᠴᠢᠷ ᠨᠢ ᠲᠤᠭᠳᠠᠭᠠᠯ ᠶᠤᠰᠤᠭᠠᠷ ᠢᠯᠡ ᠦᠨ᠎ᠡ ᠬᠠᠶᠠᠨ ᠬᠤᠳᠠᠯᠳᠤᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠵᠦ

ᠬᠠᠰᠤᠭᠰᠠᠨ ᠲᠡᠷᠭᠡ  ᠶᠢ ᠢᠯᠡ ᠰᠢᠢᠳᠪᠤᠷᠢᠯᠡᠵᠦ᠂ ᠦᠨ᠎ᠡ ᠬᠠᠶᠠᠨ ᠬᠤᠳᠠᠯᠳᠤᠬᠤ ᠪᠠᠶᠢᠭᠤᠯᠤᠮᠵᠢ ᠦᠨ᠎ᠡ  ᠶᠢ

ᠦᠷᠢᠰᠦᠯᠳᠦᠬᠦᠯᠦᠨ ᠢᠯᠡ ᠪᠠᠷ ᠬᠤᠳᠠᠯᠳᠤᠨ᠂ ᠢᠯᠡ ᠪᠠᠷ ᠦᠨ᠎ᠡ ᠬᠠᠶᠠᠨ ᠬᠤᠳᠠᠯᠳᠤᠬᠤ ᠲᠤᠤᠷ᠎ᠠ ᠦᠨ᠎ᠡ  ᠶᠢ

ᠬᠢᠨᠠᠨ ᠲᠤᠭᠳᠠᠭᠠᠨ ᠦᠨᠡᠯᠡᠬᠦ ᠪᠠᠶᠢᠭᠤᠯᠤᠮᠵᠢ  ᠶᠢᠨ ᠦᠨᠡᠯᠡᠭᠰᠡᠨ ᠦᠨ᠎ᠡ ᠪᠠᠷ ᠰᠠᠭᠤᠷᠢ ᠪᠠᠷᠢᠮᠵᠢᠶ᠎ᠠ ᠦᠨ᠎ᠡ ᠪᠤᠯᠭᠠᠵᠦ᠂

ᠲᠡᠷᠭᠡ  ᠶᠢ ᠪᠤᠳᠠᠳᠠᠢ ᠪᠠᠷ ᠰᠤᠯᠢᠯᠴᠠᠬᠤ ᠦᠨ᠎ᠡ  ᠶᠢ ᠵᠠᠷᠴᠢᠮ ᠲᠡᠭᠡᠷ᠎ᠡ ᠪᠠᠨ ᠰᠠᠭᠤᠷᠢ ᠦᠨ᠎ᠡ  ᠠᠴᠠ ᠲᠤᠤᠷ᠎ᠠ

ᠪᠠᠶᠢᠯᠭᠠᠵᠦ ᠪᠤᠯᠬᠤ ᠦᠭᠡᠢ᠂ ᠰᠢᠢᠳᠪᠤᠷᠢᠯᠡᠭᠰᠡᠨ ᠤᠷᠤᠯᠭ᠎ᠠ ᠠᠴᠠ ᠬᠤᠯᠪᠤᠭᠳᠠᠯ ᠪᠦᠬᠦᠢ ᠭᠠᠶᠢᠯᠢ ᠰᠦᠢᠳᠭᠡᠯ  ᠢ

ᠬᠠᠰᠤᠭᠰᠠᠨ  ᠤ ᠲᠠᠷᠠᠭ᠎ᠠ ᠭᠠᠶᠢᠯᠢ  ᠶᠢᠨ ᠪᠤᠰᠤ ᠤᠷᠤᠯᠭ᠎ᠠ ᠶᠢᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ

ᠲᠤᠭᠳᠠᠭᠠᠯ  ᠢᠶᠠᠷ ᠲᠡᠭᠡᠭᠰᠢ ᠤᠯᠤᠰ ᠤᠨ ᠬᠦᠮᠦᠷᠭᠡ  ᠳᠤ ᠲᠤᠰᠢᠶᠠᠨ᠎ᠠ︔

        ︵ᠲᠠᠪᠤ︶ ᠡᠯ᠎ᠡ ᠰᠠᠯᠠᠭ᠎ᠠ ᠮᠦᠴᠢᠷ ᠡᠯ᠎ᠡ ᠨᠢᠭᠡᠴᠡ ᠨᠢ ᠬᠤᠯᠪᠤᠭᠳᠠᠯ ᠪᠦᠬᠦᠢ ᠴᠤᠬᠤᠯᠠᠪᠤᠷᠢᠯᠠᠭᠰᠠᠨ ᠪᠢᠴᠢᠭ

ᠮᠠᠲ᠋ᠧᠷᠢᠶᠠᠯ᠂ ᠲᠡᠷᠭᠡ  ᠶᠢ ᠰᠢᠯᠵᠢᠬᠦᠯᠦᠭᠰᠡᠨ ᠡᠷᠦᠭᠡ  ᠶᠢᠨ ᠪᠠᠷᠢᠮᠳᠠ ᠪᠤᠶᠤ ᠰᠤᠯᠢᠯᠴᠠᠭᠰᠠᠨ ᠪᠠᠷᠢᠮᠳᠠ ᠪᠠᠨ

ᠦᠨᠳᠦᠰᠦᠯᠡᠵᠦ᠂ ᠴᠠᠭ ᠲᠤᠬᠠᠢ ᠳᠤᠨᠢ ᠡᠳ᠋ ᠬᠦᠷᠦᠩᠭᠡ  ᠶᠢᠨ ᠲᠠᠩᠰᠨ  ᠠᠴᠠ ᠬᠠᠷᠭᠤᠭᠤᠯᠤᠨ ᠬᠢᠨᠠᠵᠦ ᠭᠠᠷᠭᠠᠨ᠎ᠠ᠃

        ᠠᠷᠪᠠᠨ ᠨᠢᠭᠡᠳᠦᠭᠡᠷ ᠵᠤᠷᠪᠤᠰ     ᠬᠠᠰᠤᠭᠰᠠᠨ ᠲᠡᠷᠭᠡ  ᠶᠢ ᠰᠢᠢᠳᠪᠤᠷᠢᠯᠡᠭᠰᠡᠨ ᠬᠢᠨᠠᠨ ᠲᠤᠭᠳᠠᠭᠠᠨ

ᠦᠨᠡᠯᠡᠬᠦ ᠪᠠᠶᠢᠭᠤᠯᠤᠮᠵᠢ ᠪᠠ ᠦᠨ᠎ᠡ ᠬᠠᠶᠠᠨ ᠬᠤᠳᠠᠯᠳᠤᠬᠤ ᠪᠠᠶᠢᠭᠤᠯᠤᠮᠵᠢ  ᠶᠢ ᠡᠯ᠎ᠡ ᠱᠠᠳᠤᠨ  ᠤ ᠠᠯᠪᠠᠨ  ᠳᠤ

ᠬᠡᠷᠡᠭᠯᠡᠬᠦ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠠᠴᠠ ᠵᠠᠰᠠᠭ  ᠤᠨ ᠤᠷᠳᠤᠨ  ᠤ ᠲᠦᠪᠯᠡᠷᠡᠬᠦᠯᠦᠨ

ᠬᠤᠳᠠᠯᠳᠤᠨ ᠠᠪᠬᠤ ᠢᠯᠡ ᠲᠠᠭᠠᠭᠠᠴᠢᠯᠠᠯᠳᠠ ᠵᠠᠷᠯᠠᠬᠤ ᠬᠡᠯᠪᠡᠷᠢ ᠪᠠᠷ ᠲᠠᠮᠵᠢᠭᠤᠯᠵᠦ ᠵᠤᠬᠢᠴᠠᠩᠭᠤᠢ ᠬᠢᠷᠢ ᠬᠡᠮ ᠲᠠᠢ

ᠨᠡᠶᠢᠭᠡᠮ  ᠤᠨ ᠵᠠᠭᠤᠴᠢ ᠪᠠᠶᠢᠭᠤᠯᠤᠮᠵᠢ ᠪᠠᠷ ᠲᠤᠭᠳᠠᠭᠠᠯᠭᠠᠨ᠎ᠠ᠃

        ᠠᠷᠪᠠᠨ ᠬᠤᠶᠠᠳᠤᠭᠠᠷ ᠵᠤᠷᠪᠤᠰ     ᠲᠤᠰ ᠠᠷᠭ᠎ᠠ  ᠶᠢ ᠵᠦᠷᠢᠴᠡᠵᠦ᠂ ᠲᠤᠤᠷᠠᠬᠢ ᠪᠠᠶᠢᠳᠠᠯ  ᠤᠨ ᠨᠢᠭᠡ

 ᠶᠢ ᠪᠦᠷᠢᠯᠳᠦᠬᠦᠯᠪᠡᠯ ᠠᠯᠪᠠᠨ  ᠳᠤ ᠬᠡᠷᠡᠭᠯᠡᠬᠦ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠠᠴᠠ

ᠵᠠᠷᠯᠢᠭᠳᠠᠨ ᠬᠤᠭᠤᠴᠠᠭ᠎ᠠ ᠲᠤᠭᠳᠠᠭᠠᠨ ᠬᠠᠯᠠᠨ ᠰᠠᠶᠢᠵᠢᠷᠠᠭᠤᠯᠬᠤ ᠬᠡᠷᠡᠭᠳᠡᠢ︔ ᠤᠯᠤᠰ  ᠤᠨ ᠦᠮᠴᠢᠯᠡᠯᠳᠦ ᠡᠳ᠋

ᠬᠦᠷᠦᠩᠭᠡ  ᠶᠢ ᠬᠦᠨᠳᠦ ᠨᠤᠴᠢᠳᠠᠢ ᠬᠤᠬᠢᠷᠠᠭᠤᠯᠪᠠᠯ᠂ ᠬᠤᠯᠪᠤᠭᠳᠠᠯ ᠪᠦᠬᠦᠢ ᠬᠦᠮᠦᠰ  ᠤᠨ ᠬᠠᠷᠢᠭᠤᠴᠠᠯᠭ᠎ᠠ  ᠶᠢ

ᠬᠠᠤᠯᠢ ᠪᠠᠷ ᠨᠡᠭᠡᠮᠵᠢᠯᠡᠨ᠎ᠡ᠄

        ︵ᠨᠢᠭᠡ︶ ᠤᠯᠤᠰ ᠵᠢᠴᠢ ᠦᠪᠡᠷᠳᠡᠭᠡᠨ ᠵᠠᠰᠠᠬᠤ ᠤᠷᠤᠨ  ᠤ ᠬᠤᠯᠪᠤᠭᠳᠠᠯ ᠪᠦᠬᠦᠢ ᠵᠠᠰᠠᠭ  ᠤᠨ ᠤᠷᠳᠤᠨ

ᠬᠤᠳᠠᠯᠳᠤᠨ ᠠᠪᠬᠤ᠂ ᠲᠠᠭᠠᠭᠠᠴᠢᠯᠠᠯᠳᠠ ᠵᠠᠷᠯᠠᠨ ᠲᠠᠭᠠᠭᠠᠴᠢᠯᠠᠯᠳᠠ ᠬᠦᠯᠢᠶᠡᠬᠦ ᠵᠡᠷᠭᠡ ᠬᠤᠯᠪᠤᠭᠳᠠᠯ ᠪᠦᠬᠦᠢ

ᠲᠤᠭᠳᠠᠭᠠᠯ  ᠢ ᠵᠦᠷᠢᠴᠡᠬᠦ︔

        ︵ᠬᠤᠶᠠᠷ︶ ᠠᠯᠪᠠᠨ  ᠳᠤ ᠬᠡᠷᠡᠭᠯᠡᠬᠦ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ

ᠬᠠᠮᠵᠢᠯᠴᠠᠬᠤ ᠦᠭᠡᠢ᠂ ᠵᠤᠷᠢᠭᠤᠳᠠ ᠤᠳᠠᠭᠠᠰᠢᠷᠠᠭᠤᠯᠬᠤ ᠪᠤᠶᠤ ᠲᠡᠷᠭᠡ  ᠶᠢ ᠬᠠᠰᠤᠵᠦ ᠰᠢᠢᠳᠪᠤᠷᠢᠯᠡᠬᠦ  ᠶᠢ

ᠡᠰᠡᠷᠬᠦᠴᠡᠬᠦ︔

        ︵ᠭᠤᠷᠪᠠ︶ ᠲᠦᠷᠢᠮ  ᠢ ᠵᠦᠷᠢᠴᠡᠨ ᠬᠠᠰᠤᠭᠰᠠᠨ ᠲᠡᠷᠭᠡ  ᠶᠢ ᠦᠨᠡᠯᠡᠬᠦ ᠪᠠ ᠦᠨ᠎ᠡ ᠬᠠᠶᠠᠨ

ᠬᠤᠳᠠᠯᠳᠤᠬᠤ︔

        ︵ᠲᠦᠷᠪᠡ︶ ᠦᠯᠡᠳᠡᠭᠡᠬᠦ   ᠲᠡᠷᠭᠡᠨ  ᠤ ᠬᠡᠷᠡᠭᠯᠡᠬᠦᠨ ᠢ ᠲᠤᠷ᠎ᠠ ᠪᠠᠷ  ᠢᠶᠠᠨ ᠦᠭᠡᠷᠡᠳᠡᠬᠦᠯᠬᠦ︔

        ︵ᠲᠠᠪᠤ︶ ᠪᠤᠰᠤᠳ ᠲᠤᠰ ᠠᠷᠭ᠎ᠠ  ᠶᠢ ᠵᠦᠷᠢᠴᠡᠭᠰᠡᠨ ᠬᠡᠯᠪᠡᠷᠢ︔

      ᠠᠷᠪᠠᠨ ᠭᠤᠷᠪᠠᠳᠤᠭᠠᠷ ᠵᠤᠷᠪᠤᠰ     ᠠᠶᠢᠮᠠᠭ  ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ

ᠪᠠᠶᠢᠴᠠᠭᠠᠬᠤ ᠲᠤᠪᠴᠢᠶ᠎ᠠ᠂ ᠡᠳ᠋  ᠤᠨ ᠵᠠᠰᠠᠭ  ᠤᠨ ᠲᠤᠪᠴᠢᠶ᠎ᠠ᠂ ᠬᠢᠨᠠᠨ ᠪᠤᠳᠤᠬᠤ ᠲᠤᠪᠴᠢᠶ᠎ᠠ᠂ ᠲᠤᠳᠤᠭᠠᠳᠦ  ᠶᠢ

ᠬᠠᠮᠠᠭᠠᠯᠠᠬᠤ ᠲᠤᠪᠴᠢᠶ᠎ᠠ᠂ ᠤᠯᠤᠰ  ᠤᠨ ᠬᠦᠷᠦᠩᠭᠡ  ᠶᠢᠨ ᠬᠠᠮᠢᠶᠠᠷᠤᠯᠳᠠ  ᠶᠢᠨ ᠠᠯᠪᠠᠨ ᠬᠡᠷ ᠨᠢ ᠲᠤᠰᠢᠶᠠᠯ

ᠬᠠᠷᠢᠭᠤᠴᠠᠯᠭ᠎ᠠ ᠪᠠᠨ ᠦᠨᠳᠦᠰᠦᠯᠡᠨ ᠠᠵᠢᠯ  ᠢᠶᠠᠨ ᠬᠤᠪᠢᠶᠠᠷᠢᠯᠠᠵᠦ᠂ ᠬᠤᠯᠪᠤᠭᠳᠠᠯ ᠪᠦᠬᠦᠢ ᠬᠠᠤᠯᠢ ᠲᠦᠷᠢᠮ ᠪᠠ

ᠲᠤᠭᠳᠠᠭᠠᠯ  ᠢᠶᠠᠷ ᠲᠡᠷᠭᠡ   ᠰᠢᠢᠳᠪᠤᠷᠢᠯᠡᠬᠦ ᠠᠵᠢᠯ ᠳᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠬᠤ ᠬᠡᠷᠡᠭᠳᠡᠢ᠃

      ᠠᠷᠪᠠᠨ ᠲᠦᠷᠪᠡᠳᠦᠭᠡᠷ ᠵᠤᠷᠪᠤᠰ     ᠡᠯ᠎ᠡ ᠱᠠᠳᠤᠨ  ᠤ ᠠᠯᠪᠠᠨ  ᠳᠤ ᠬᠡᠷᠡᠭᠯᠡᠬᠦ ᠲᠡᠷᠭᠡ  ᠶᠢ ᠭᠤᠤᠯᠯᠠᠨ

ᠬᠠᠮᠢᠶᠠᠷᠬᠤ ᠰᠠᠯᠠᠭ᠎ᠠ ᠮᠦᠴᠢᠷ ᠨᠢ ᠶᠠᠷᠢᠶ᠎ᠠ ᠬᠡᠯᠡᠯᠴᠡᠭᠡ  ᠶᠢ ᠲᠤᠰᠬᠠᠬᠤ ᠵᠤᠬᠢᠴᠠᠮᠵᠢ ᠪᠠᠶᠢᠭᠤᠯᠬᠤ  ᠶᠢᠨ ᠬᠠᠮᠳᠤ

ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠦ ᠮᠡᠳᠡᠭᠡ ᠵᠠᠭᠤᠴᠢᠯᠠᠭᠤᠷ ᠲᠤ ᠢᠯᠡᠷᠡᠬᠦᠯᠦᠭᠰᠡᠨ᠂ ᠤᠯᠠᠨ

ᠲᠦᠮᠡᠨ  ᠤ ᠢᠯᠡᠴᠢᠯᠡᠨ ᠮᠡᠳᠡᠬᠦᠯᠦᠭᠰᠡᠨ ᠰᠠᠬᠢᠯᠭ᠎ᠠ ᠪᠠᠳᠤ ᠲᠦᠷᠢᠮ ᠲᠤᠭᠳᠠᠭᠠᠯ  ᠢ ᠵᠦᠷᠢᠴᠡᠭᠰᠡᠨ ᠠᠰᠠᠭᠤᠳᠠᠯ  ᠢ

ᠴᠠᠭ ᠲᠤᠬᠠᠢ ᠳᠤᠨᠢ ᠪᠠᠶᠢᠴᠠᠭᠠᠨ ᠰᠢᠢᠳᠪᠤᠷᠢᠯᠡᠬᠦ ᠬᠡᠷᠡᠭᠳᠡᠢ᠃

      ᠠᠷᠪᠠᠨ ᠲᠠᠪᠤᠳᠤᠭᠠᠷ ᠵᠤᠷᠪᠤᠰ     ᠰᠢᠰᠲ᠋ᠧᠮᠴᠢᠯᠡᠭᠰᠡᠨ ᠬᠠᠮᠢᠶᠠᠷᠤᠯᠳᠠ  ᠶᠢᠨ ᠨᠢᠭᠡᠴᠡ  ᠶᠢᠨ ᠲᠡᠷᠭᠡ

ᠰᠢᠢᠳᠪᠤᠷᠢᠯᠡᠬᠦ ᠠᠵᠢᠯ  ᠢ ᠲᠤᠰ ᠨᠢᠭᠡᠴᠡ  ᠠᠴᠠ ᠰᠢᠰᠲ᠋ᠧᠮᠴᠢᠯᠠᠨ ᠬᠠᠷᠢᠭᠤᠴᠠᠨ᠎ᠠ᠃

      ᠠᠷᠪᠠᠨ ᠵᠢᠷᠭᠤᠳᠤᠭᠠᠷ ᠵᠤᠷᠪᠤᠰ     ᠲᠤᠰ ᠠᠷᠭ᠎ᠠ  ᠶᠢ ᠲᠠᠶᠢᠯᠪᠤᠷᠢᠯᠠᠬᠤ ᠠᠵᠢᠯ  ᠢ ᠠᠶᠢᠮᠠᠭ  ᠤᠨ ᠠᠯᠪᠠᠨ

 ᠳᠤ ᠬᠡᠷᠡᠭᠯᠡᠬᠦ ᠲᠡᠷᠭᠡ  ᠶᠢ ᠬᠠᠮᠢᠶᠠᠷᠬᠤ ᠠᠯᠪᠠᠨ ᠬᠡᠷ ᠠᠶᠢᠮᠠᠭ  ᠤᠨ ᠡᠳ᠋  ᠤᠨ ᠵᠠᠰᠠᠭ  ᠤᠨ ᠲᠤᠪᠴᠢᠶ᠎ᠠ ᠵᠡᠷᠭᠡ

ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠬᠠᠷᠢᠭᠤᠴᠠᠨ᠎ᠠ᠃

      ᠠᠷᠪᠠᠨ ᠲᠤᠯᠤᠳᠤᠭᠠᠷ ᠵᠤᠷᠪᠤᠰ     ᠲᠤᠰ ᠠᠷᠭ᠎ᠠ  ᠶᠢ ᠨᠡᠶᠢᠳᠡᠯᠡᠭᠰᠡᠨ ᠡᠳᠦᠷ  ᠠᠴᠠ ᠨᠢ ᠡᠬᠢᠯᠡᠵᠦ

ᠬᠡᠷᠡᠭᠵᠢᠬᠦᠯᠦᠨ᠎ᠡ᠃

ᠲᠠᠭᠠᠯᠳᠤᠭᠤᠯᠤᠯ 2

      ᠰᠢᠯᠢ    ᠶᠢᠨ   ᠭᠤᠤᠯ   ᠠᠶᠢᠮᠠᠭ   ᠤᠨ   ᠨᠠᠮ   ᠵᠠᠰᠠᠭ  ᠤᠨ   ᠪᠠᠶᠢᠭᠤᠯᠭ᠎ᠠ    ᠶᠢᠨ  

      ᠠᠯᠪᠠᠨ  ᠤ   ᠲᠡᠷᠭᠡ   ᠬᠡᠷᠡᠭᠯᠡᠬᠦ ᠲᠦᠷᠢᠮ ᠤᠨ ᠦᠭᠡᠷᠡᠴᠢᠯᠡᠯᠳᠡ ᠲᠤᠮᠳᠠ

        ᠵᠢᠯᠤᠭᠤᠴᠢ ᠠᠵᠢᠯᠳᠠᠨ ᠢ ᠵᠤᠬᠢᠰᠳᠠᠢ ᠲᠦᠪᠬᠢᠨᠡᠬᠦᠯᠬᠦ ᠬᠡᠷᠡᠭᠵᠢᠬᠦᠯᠬᠦ ᠰᠠᠨᠠᠯ

      ︽ᠰᠢᠯᠢ  ᠶᠢᠨ ᠭᠤᠤᠯ ᠠᠶᠢᠮᠠᠭ  ᠤᠨ ᠠᠯᠪᠠᠨ  ᠤ ᠲᠡᠷᠭᠡ ᠬᠡᠷᠡᠭᠯᠡᠬᠦ ᠲᠦᠷᠢᠮ  ᠤᠨ

      ᠦᠭᠡᠷᠡᠴᠢᠯᠡᠯᠳᠡ  ᠶᠢᠨ ᠬᠡᠷᠡᠭᠵᠢᠬᠦᠯᠬᠦ ᠲᠦᠰᠦᠯ︾  ᠤᠨ ᠬᠠᠮᠢᠶ᠎ᠠ ᠪᠦᠬᠦᠢ ᠱᠠᠭᠠᠷᠳᠠᠯᠭ᠎ᠠ  

        ᠶᠢ   ᠲᠤᠤᠱᠯᠠᠭᠤᠯᠤᠨ ᠨᠠᠶᠢᠳᠠᠪᠤᠷᠢᠵᠢᠭᠤᠯᠵᠦ᠂ ᠵᠢᠯᠤᠭᠤᠴᠢ ᠠᠵᠢᠯᠳᠠᠨ  ᠢ ᠵᠤᠬᠢᠰᠳᠠᠢ

      ᠲᠦᠪᠬᠢᠨᠡᠬᠦᠯᠦᠨ ᠠᠯᠪᠠᠨ ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢ

      ᠲᠤᠭᠳᠠᠭᠤᠨ ᠤᠷᠤᠭᠰᠢᠳᠠᠢ ᠬᠡᠷᠡᠭᠵᠢᠬᠦᠯᠬᠦ  ᠶᠢ ᠪᠠᠳᠤᠯᠠᠬᠤ  ᠶᠢᠨ ᠲᠤᠰᠠᠳᠠ᠂ ᠲᠤᠤᠷᠠᠬᠢ

      ᠮᠡᠳᠦ ᠬᠡᠷᠡᠭᠵᠢᠬᠦᠯᠬᠦ ᠰᠠᠨᠠᠯ  ᠢ ᠲᠤᠷᠠᠳᠪᠠ᠃

     

      ᠨᠢᠭᠡ᠂ ᠬᠡᠷᠡᠭᠯᠡᠬᠦ ᠬᠡᠪᠴᠢᠶ᠎ᠡ

      ᠲᠤᠰ ᠰᠠᠨᠠᠯ  ᠢ ᠪᠦᠬᠦ ᠠᠶᠢᠮᠠᠭ  ᠤᠨ ᠨᠠᠮ ᠵᠠᠰᠠᠭ ᠤᠯᠠᠨ ᠲᠦᠮᠡᠨᠴᠢ ᠪᠦᠯᠬᠦᠮ ᠤᠨ ᠪᠠᠶᠢᠭᠤᠯᠭ᠎ᠠ᠂

ᠠᠯᠪᠠᠳᠠᠨ  ᠤ ᠬᠠᠤᠯᠢ ᠪᠠᠷ ᠯᠠᠪᠯᠠᠯᠳᠠ ᠪᠤᠯᠭᠠᠬᠤ ᠬᠠᠮᠢᠶᠠᠷᠤᠯᠳᠠ ᠶᠢᠨ ᠠᠵᠢᠯ ᠦᠢᠯᠡᠰ  ᠤᠨ ᠨᠢᠭᠡᠴᠡ ᠵᠢᠴᠢ

ᠠᠯᠠᠪᠳᠠᠨ  ᠤ ᠬᠠᠤᠯᠢ ᠪᠠᠷ ᠯᠠᠪᠯᠠᠯᠳᠠ ᠪᠤᠯᠭᠠᠬᠤ ᠦᠭᠡᠢ ᠬᠠᠮᠢᠶᠠᠷᠤᠯᠳᠠ  ᠶᠢᠨ ᠠᠵᠢᠯ ᠦᠢᠯᠡᠰ  ᠤᠨ ᠨᠢᠭᠡᠴᠡ  ᠶᠢᠨ

ᠪᠠᠶᠢᠭᠤᠯᠭ᠎ᠠ  ᠳᠤ ᠦᠢᠯᠡᠴᠢᠯᠡᠵᠦ ᠪᠠᠶᠢᠭ᠎ᠠ ᠡᠩ  ᠤᠨ ᠠᠯᠪᠠᠨ  ᠳᠤ ᠬᠡᠷᠡᠭᠯᠡᠬᠦ ᠲᠡᠷᠭᠡᠨ  ᠤ ᠵᠢᠯᠤᠭᠤᠴᠢ᠂ ᠰᠡᠯᠪᠢᠨ

ᠵᠠᠰᠠᠭᠴᠢ ᠵᠡᠷᠭᠡ ᠠᠵᠢᠯ  ᠤᠨ ᠪᠠᠶᠢᠷᠢ ᠲᠡᠭᠡᠷ᠎ᠡ ᠠᠵᠢᠯᠯᠠᠵᠦ ᠪᠠᠶᠢᠬᠤ ᠪᠦᠭᠡᠳ ᠬᠦᠮᠦᠨ ᠬᠡᠷᠡᠭᠯᠡᠬᠦ ᠨᠢᠭᠡᠴᠡ ᠲᠠᠢ

ᠬᠦᠳᠡᠯᠮᠤᠷᠢ ᠠᠵᠢᠯᠳᠠᠨ  ᠤ ᠬᠠᠷᠢᠴᠠᠭ᠎ᠠ ᠪᠠᠶᠢᠭᠤᠯᠤᠭᠰᠠᠨ ᠵᠢᠯᠤᠭᠤᠴᠢ ᠠᠵᠢᠯᠳᠠᠨ  ᠳᠤ ᠬᠡᠷᠡᠭᠯᠡᠨ᠎ᠡ᠃

      ᠬᠤᠶᠠᠷ᠂ ᠲᠦᠪᠬᠢᠨᠡᠬᠦᠯᠬᠦ ᠵᠠᠷᠴᠢᠮ

      ᠵᠢᠯᠤᠭᠤᠴᠢ ᠠᠵᠢᠯᠳᠠᠨ  ᠢ ᠲᠦᠪᠬᠢᠨᠡᠬᠦᠯᠬᠦ ᠠᠵᠢᠯ  ᠢ ᠤᠯᠤᠰ᠂ ᠦᠪᠡᠷᠳᠡᠭᠡᠨ ᠵᠠᠰᠠᠬᠤ ᠤᠷᠤᠨ ᠪᠠ ᠰᠢᠯᠢ

 ᠶᠢᠨ ᠭᠤᠤᠯ ᠠᠶᠢᠮᠠᠭ  ᠤᠨ ᠠᠯᠪᠠᠨ ᠤ ᠲᠡᠷᠭᠡ ᠬᠡᠷᠡᠭᠯᠡᠬᠦ ᠲᠦᠷᠢᠮ ᠤᠨ ᠦᠭᠡᠷᠡᠴᠢᠯᠡᠯᠳᠡ  ᠶᠢᠨ ᠱᠠᠭᠠᠷᠳᠠᠯᠭ᠎ᠠ ᠪᠠᠷ᠂

ᠬᠦᠮᠦᠨ  ᠢᠶᠠᠷ ᠦᠨᠳᠦᠰᠦ ᠪᠤᠯᠭᠠᠨ᠂ ᠢᠳᠡᠪᠬᠢᠳᠡᠢ ᠯᠠᠪᠳᠠᠭᠤᠨ᠂ ᠲᠤᠬᠠᠢ  ᠶᠢᠨ ᠭᠠᠵᠠᠷ ᠲᠤᠨᠢ ᠲᠤᠬᠢᠷᠠᠭᠤᠯᠬᠤ ᠪᠠ

︽ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ  ᠢᠶᠠᠷ᠂ ᠲᠤᠳᠤᠭᠠᠳᠦ ᠳᠠᠭᠠᠨ ᠰᠢᠩᠭᠡᠭᠡᠬᠦ ᠪᠠᠷ ᠭᠤᠤᠯ ᠪᠤᠯᠭᠠᠵᠦ

᠂ ᠤᠯᠠᠨ ᠵᠦᠢᠯ  ᠤᠨ ᠠᠷᠭ᠎ᠠ ᠬᠡᠯᠪᠡᠷᠢ ᠪᠠᠷ   ᠲᠦᠪᠬᠢᠨᠡᠬᠦᠯᠬᠦ  ᠶᠢ ᠪᠠᠷᠢᠮᠳᠠᠯᠠᠵᠦ᠂ ᠠᠵᠢᠯᠳᠠᠨ ᠢ ᠬᠢᠯᠪᠠᠷᠬᠠᠨ  ᠢᠶᠠᠷ

ᠨᠡᠶᠢᠭᠡᠮ  ᠳᠤ ᠲᠦᠯᠬᠢᠵᠦ ᠪᠤᠯᠬᠤ ᠦᠭᠡᠢ᠂ ᠤᠨᠴᠠᠭᠠᠶᠢᠯᠠᠨ ᠠᠵᠢᠯ  ᠤᠨ ᠤᠨ ᠰᠠᠷ᠎ᠠ ᠤᠷᠳᠦ᠂ ᠨᠠᠰᠤ ᠨᠢ ᠶᠡᠭᠡ

ᠵᠢᠯᠤᠭᠤᠴᠢ ᠠᠵᠢᠯᠳᠠᠨ  ᠢ ᠲᠦᠪᠬᠢᠨᠡᠬᠦᠯᠬᠦ ᠠᠵᠢᠯ  ᠢ ᠰᠠᠶᠢᠳᠤᠷ ᠬᠢᠵᠦ᠂ ᠶᠠᠪᠤᠴᠠ ᠨᠢ ᠢᠯᠡ ᠲᠤᠳᠤ᠂ ᠠᠷᠭ᠎ᠠ ᠨᠢ

ᠠᠷᠠᠳᠴᠢᠯᠠᠭᠰᠠᠨ ᠰᠢᠨᠵᠢᠯᠡᠬᠦ ᠤᠬᠠᠭᠠᠨᠴᠢ᠂ ᠦᠷ᠎ᠡ ᠳ᠋ᠦᠩ  ᠢ ᠺᠠᠳ᠋ᠷ ᠤᠯᠠᠨ ᠲᠦᠮᠡᠨ ᠮᠡᠳᠡᠷᠡᠭᠰᠡᠨ ᠪᠠᠶᠢᠵᠦ᠂ ᠠᠯᠪᠠᠨ

 ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ᠃

      ᠭᠤᠷᠪᠠ᠂ ᠲᠦᠪᠬᠢᠨᠡᠬᠦᠯᠬᠦ ᠠᠷᠭ᠎ᠠ ᠵᠠᠮ

        ︵ᠨᠢᠭᠡ︶ ᠦᠷᠢᠰᠦᠯᠳᠦᠬᠦᠯᠦᠨ ᠤᠷᠢᠵᠦ ᠠᠵᠢᠯ  ᠤᠨ ᠪᠠᠶᠢᠷᠢ  ᠳᠤ ᠭᠠᠷᠭᠠᠬᠤ᠃ ᠠᠯᠪᠠᠨ ᠲᠡᠷᠭᠡ

ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠳᠤ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠨᠢ ᠦᠯᠡᠳᠡᠭᠡᠵᠦ ᠠᠯᠪᠠᠨ

 ᠳᠤ ᠬᠡᠷᠡᠭᠯᠡᠬᠦ ᠲᠡᠷᠭᠡ  ᠶᠢ ᠪᠤᠳᠠᠳᠤ ᠬᠡᠷᠡᠭᠴᠡᠭᠡ  ᠠᠴᠠ ᠪᠠᠨ ᠡᠬᠦᠰᠴᠦ᠂ ᠪᠠᠶᠢᠭᠤᠯᠭ᠎ᠠ᠂ ᠠᠵᠢᠯ ᠦᠢᠯᠡᠰ  ᠤᠨ

ᠨᠢᠭᠡᠴᠡ  ᠶᠢᠨ ᠠᠵᠢᠯ  ᠤᠨ ᠪᠠᠶᠢᠷᠢᠰᠢᠯ  ᠤᠨ ᠬᠠᠮᠢᠶᠠᠷᠤᠯᠳᠠ  ᠶᠢᠨ ᠬᠤᠯᠪᠤᠭᠳᠠᠯ ᠪᠦᠬᠦᠢ ᠲᠤᠭᠳᠠᠭᠠᠯ  ᠢᠶᠠᠷ᠂

ᠵᠢᠯᠤᠭᠤᠴᠢ ᠠᠵᠢᠯᠳᠠᠨ ᠤ ᠠᠵᠢᠯ  ᠤᠨ ᠪᠠᠶᠢᠷᠢ  ᠶᠢ ᠰᠢᠨᠵᠢᠯᠡᠬᠦ ᠤᠬᠠᠭᠠᠨᠴᠢ ᠵᠤᠬᠢᠰᠳᠠᠢ ᠪᠠᠷ ᠲᠤᠬᠢᠷᠠᠭᠤᠯᠵᠦ᠂

ᠠᠷᠠᠳᠴᠢᠯᠠᠭᠰᠠᠨ᠂ ᠢᠯᠡ ᠪᠠᠶᠢᠯᠭᠠᠬᠤ᠂ ᠦᠷᠢᠰᠦᠯᠳᠦᠬᠦ᠂ ᠰᠢᠯᠢᠳᠡᠭ  ᠢ ᠰᠤᠩᠭᠤᠬᠤ ᠵᠠᠷᠴᠢᠮ  ᠢᠶᠠᠷ᠂ ᠤᠳᠤ  ᠶᠢᠨ

ᠤᠷᠤᠨ ᠲᠤᠭ᠎ᠠ ᠳᠤ ᠪᠠᠶᠢᠭ᠎ᠠ ᠵᠢᠯᠤᠭᠤᠴᠢ ᠠᠵᠢᠯᠳᠠᠨ  ᠢ ᠦᠷᠢᠰᠦᠯᠳᠦᠬᠦᠯᠦᠨ ᠤᠷᠢᠵᠦ ᠠᠵᠢᠯ  ᠤᠨ ᠪᠠᠶᠢᠷᠢ  ᠳᠤ

ᠭᠠᠷᠭᠠᠬᠤ᠂ ᠶᠡᠷᠦᠩᠭᠡᠶᠢᠯᠡᠨ ᠰᠢᠯᠢᠳᠡᠭ  ᠢ ᠰᠤᠩᠭᠤᠬᠤ ᠵᠡᠷᠭᠡ ᠠᠷᠭ᠎ᠠ ᠬᠡᠯᠪᠡᠷᠢ ᠪᠠᠷ ᠠᠵᠢᠯ  ᠤᠨ ᠪᠠᠶᠢᠷᠢ  ᠳᠤ

ᠭᠠᠷᠭᠠᠬᠤ ᠬᠦᠮᠦᠰ ᠢ ᠲᠤᠭᠳᠠᠭᠠᠵᠦ᠂ ᠤᠷᠢᠨ ᠬᠡᠷᠡᠭᠯᠡᠬᠦ ᠬᠡᠷ᠎ᠡ ᠲᠤᠭᠳᠠᠨ᠎ᠠ᠃ ᠵᠦᠪᠰᠢᠶᠡᠷᠡᠯ  ᠢᠶᠠᠷ ᠲᠠᠮᠵᠢᠨ ᠠᠯᠪᠠᠨ

 ᠳᠤ ᠬᠡᠷᠡᠭᠯᠡᠬᠦ ᠲᠡᠷᠭᠡ ᠲᠤᠬᠢᠷᠠᠭᠤᠯᠤᠭᠰᠠᠨ ᠪᠠᠶᠢᠭᠤᠯᠭ᠎ᠠ ᠨᠢᠭᠡᠴᠡ  ᠳᠤ᠂ ᠵᠢᠩᠬᠢᠨᠢ   ᠵᠢᠯᠤᠭᠤᠴᠢ ᠦᠭᠡᠢ ᠪᠤᠶᠤ

ᠵᠢᠩᠬᠢᠨᠢ ᠵᠢᠯᠤᠭᠤᠴᠢ ᠲᠤᠳᠠᠭᠳᠠᠵᠦ   ᠪᠠᠶᠢᠪᠠᠯ ᠠᠯᠪᠠᠨ  ᠳᠤ ᠬᠡᠷᠡᠭᠯᠡᠬᠦ ᠲᠡᠷᠭᠡᠨ  ᠤ ᠵᠢᠯᠤᠭᠤᠴᠢ  ᠶᠢ ᠲᠦᠪᠬᠢᠨᠡᠬᠦᠯᠬᠦ

ᠠᠵᠢᠯ  ᠤᠨ ᠲᠤᠭᠤᠶᠢᠯᠠᠩ ᠨᠢ ᠤᠳᠤ  ᠶᠢᠨ ᠵᠢᠩᠬᠢᠨᠢ ᠵᠢᠯᠤᠭᠤᠴᠢ  ᠠᠴᠠ ᠨᠢᠭᠡᠳᠦᠯᠳᠡᠢ   ᠲᠤᠬᠢᠷᠠᠭᠤᠯᠵᠦ ᠪᠤᠯᠤᠨ᠎ᠠ᠃

        ︵ᠬᠤᠶᠠᠷ︶ ᠲᠤᠳᠤᠭᠠᠳᠦ ᠳᠤᠨᠢ ᠠᠵᠢᠯ  ᠤᠨ ᠪᠠᠶᠢᠷᠢ ᠰᠤᠯᠢᠨ᠎ᠠ᠃ ᠤᠷᠢᠨ ᠬᠡᠷᠡᠭᠯᠡᠭᠰᠡᠨ ᠦᠭᠡᠢ ᠠᠵᠢᠯ

 ᠤᠨ ᠪᠠᠶᠢᠷᠢ  ᠳᠤ ᠪᠠᠶᠢᠭ᠎ᠠ ᠵᠢᠩᠬᠢᠨᠢ ᠵᠢᠯᠤᠭᠤᠴᠢ  ᠶᠢ ᠪᠠᠶᠢᠭ᠎ᠠ ᠰᠠᠯᠠᠭ᠎ᠠ ᠮᠦᠴᠢᠷ ︵ᠨᠢᠭᠡᠴᠡ︶ ᠨᠢ ᠲᠤᠳᠤᠭᠠᠳᠦ

 ᠶᠢᠨ ᠲᠠᠯᠳᠠ ᠬᠦᠴᠦᠨ  ᠢ ᠠᠭᠤᠳᠠᠯᠯᠠᠵᠦ᠂ ᠵᠠᠷᠴᠢᠮ ᠲᠡᠭᠡᠷ᠎ᠡ ᠪᠠᠨ ᠲᠤᠰ ᠰᠠᠯᠠᠭ᠎ᠠ ᠮᠦᠴᠢᠷ ︵ᠨᠢᠭᠡᠴᠡ︶  ᠤᠨ

ᠪᠤᠰᠤᠳ ᠠᠵᠢᠯ  ᠤᠨ ᠪᠠᠶᠢᠷᠢ  ᠳᠤ ᠲᠤᠬᠢᠷᠠᠭᠤᠯᠬᠤ ᠪᠤᠶᠤ ᠲᠤᠰ ᠰᠠᠯᠠᠭ᠎ᠠ ᠮᠦᠴᠢᠷ  ᠲᠤ ᠬᠠᠷᠢᠶᠠᠯᠠᠭᠳᠠᠬᠤ ᠠᠵᠢᠯ

ᠦᠢᠯᠡᠰ  ᠤᠨ ᠨᠢᠭᠡᠴᠡ  ᠳᠤ ᠲᠦᠪᠬᠢᠨᠡᠬᠦᠯᠦᠨ ᠠᠵᠢᠯᠯᠠᠭᠤᠯᠤᠨ᠎ᠠ᠂ ᠠᠵᠢᠯ ᠦᠢᠯᠡᠰ  ᠤᠨ ᠨᠢᠭᠡᠴᠡ  ᠳᠤ

ᠲᠦᠪᠬᠢᠨᠡᠬᠦᠯᠦᠨ ᠠᠵᠢᠯᠯᠠᠭᠤᠯᠬᠤ ᠳᠠᠭᠠᠨ ᠡᠷᠭᠡᠪᠰᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ  ᠲᠤ ᠮᠡᠳᠡᠬᠦᠯᠦᠨ

ᠡᠷᠡᠮᠡᠯᠵᠡᠯᠡᠵᠦ᠂   ᠠᠵᠢᠯᠳᠠᠨ  ᠢ ᠰᠢᠯᠵᠢᠬᠦᠯᠬᠦ ᠠᠯᠬᠤᠮ ᠲᠠᠷᠠᠭ᠎ᠠ ᠪᠠᠷ᠂ ᠬᠢᠨᠠᠨ ᠵᠦᠪᠰᠢᠶᠡᠷᠡᠬᠦ ᠭᠠᠷᠳᠠᠮ ᠬᠦᠢᠴᠡᠳᠭᠡᠬᠦ

ᠬᠡᠷᠡᠭᠳᠡᠢ᠃ ᠡᠬᠦᠨ  ᠤ ᠬᠠᠮᠳᠤ᠂ ᠠᠵᠢᠯ ᠰᠢᠯᠵᠢᠬᠦᠯᠬᠦ ᠪᠤᠯᠪᠠᠰᠤᠷᠠᠯ  ᠤᠨ ᠠᠵᠢᠯ  ᠢ ᠰᠠᠶᠢᠳᠤᠷ ᠬᠢᠵᠦ᠂ ᠠᠵᠢᠯ

ᠰᠢᠯᠵᠢᠭᠰᠡᠨ ᠬᠦᠮᠦᠰ  ᠢ ᠰᠢᠨ᠎ᠡ ᠠᠵᠢᠯ ᠤᠨ ᠪᠠᠶᠢᠷᠢ  ᠶᠢᠨ ᠱᠠᠭᠠᠷᠳᠠᠯᠭ᠎ᠠ  ᠳᠤ ᠦᠳᠳᠡᠷ ᠲᠦᠷᠭᠡᠨ ᠵᠤᠬᠢᠴᠠᠭᠤᠯᠬᠤ

ᠬᠡᠷᠡᠭᠳᠡᠢ᠃ ᠠᠯᠪᠠᠳᠠᠨ ᠤ ᠬᠠᠤᠯᠢ ᠪᠠᠷ ᠯᠠᠪᠯᠠᠯᠳᠠ ᠪᠤᠯᠭᠠᠬᠤ ᠦᠭᠡᠢ ᠠᠵᠢᠯ ᠦᠢᠯᠡᠰ  ᠤᠨ ᠨᠢᠭᠡᠴᠡ  ᠳᠤ

ᠲᠦᠪᠬᠢᠨᠡᠬᠦᠯᠬᠦ ᠵᠢᠯᠤᠭᠤᠴᠢ  ᠶᠢ ᠲᠤᠰ ᠤᠳᠠᠭᠠᠨ  ᠤ ᠠᠯᠪᠠᠨ ᠤ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ

 ᠶᠢᠨ ᠨᠦᠬᠦᠪᠤᠷᠢ  ᠶᠢᠨ ᠬᠦᠷᠢᠶ᠎ᠡ ᠬᠡᠪᠴᠢᠶᠡᠨ  ᠳᠤ ᠤᠷᠤᠭᠤᠯᠬᠤ ᠦᠭᠡᠢ᠃

      ︵ᠭᠤᠷᠪᠠ︶ ᠤᠷᠢᠳᠴᠢᠯᠠᠨ ᠠᠵᠢᠯ  ᠤᠨ ᠪᠠᠶᠢᠷᠢ  ᠠᠴᠠ ᠰᠠᠯᠭᠠᠬᠤ᠃ ᠤᠯᠤᠰ  ᠤᠨ ᠬᠠᠤᠯᠢ ᠪᠠᠷ

ᠲᠤᠭᠳᠠᠭᠠᠭᠰᠠᠨ ᠠᠵᠢᠯ  ᠠᠴᠠ ᠪᠠᠨ ᠠᠮᠠᠷᠠᠬᠤ ᠵᠢᠯ ᠨᠢ 5 ᠵᠢᠯ ᠬᠦᠷᠬᠦ ᠦᠭᠡᠢ ︵ᠲᠠᠪᠤᠨ ᠵᠢᠯ  ᠢ ᠪᠠᠭᠳᠠᠭᠠᠨ᠎ᠠ︶

ᠵᠢᠩᠬᠢᠨᠢ ᠵᠢᠯᠤᠭᠤᠴᠢ  ᠶᠢ ᠲᠤᠰ ᠬᠦᠮᠦᠨ ᠨᠢ ᠡᠷᠡᠮᠡᠯᠵᠡᠯᠡᠪᠡᠯ᠂ ᠤᠷᠢᠳᠴᠢᠯᠠᠨ ᠠᠵᠢᠯ  ᠠᠴᠠ ᠪᠠᠨ ᠰᠠᠯᠵᠦ ᠪᠤᠯᠬᠤ

ᠪᠦᠭᠡᠳ ᠠᠵᠢᠯ  ᠠᠴᠠ ᠪᠠᠨ ᠰᠠᠯᠤᠭᠰᠠᠨ ᠬᠤᠭᠤᠴᠠᠭᠠᠨ  ᠳᠤ ᠴᠠᠯᠢᠩ ᠠᠰᠠᠷᠠᠮᠵᠢ ᠵᠡᠷᠭᠡ ᠦᠨᠳᠦᠰᠦᠨ ᠤᠯᠭᠤᠮᠵᠢ

 ᠨᠢ ᠬᠤᠪᠢᠷᠠᠬᠤ ᠦᠭᠡᠢ᠂ ᠨᠢᠭᠡᠴᠡ ᠪᠠ ᠬᠤᠪᠢ ᠬᠦᠮᠦᠨ ᠡᠯ᠎ᠡ ᠵᠦᠢᠯ  ᠤᠨ ᠨᠡᠶᠢᠭᠡᠮ  ᠤᠨ ᠲᠠᠭᠠᠳᠬᠠᠯ  ᠢᠶᠠᠨ

ᠦᠷᠬᠦᠯᠵᠢᠯᠡᠨ ᠲᠤᠭᠳᠠᠭᠠᠯ ᠶᠤᠰᠤᠭᠠᠷ ᠲᠤᠰᠢᠶᠠᠵᠦ᠂ ᠤᠯᠤᠰ  ᠤᠨ ᠬᠠᠤᠯᠢ ᠪᠠᠷ ᠲᠤᠭᠳᠠᠭᠰᠠᠨ ᠠᠮᠠᠷᠠᠬᠤ ᠨᠠᠰᠤ ᠨᠢ

ᠬᠦᠷᠬᠦ ᠦᠶᠡᠰ᠂ ᠠᠮᠠᠷᠠᠯᠳᠠ  ᠶᠢᠨ ᠭᠠᠷ ᠬᠦᠢᠴᠡᠳᠭᠡᠯ ᠬᠢᠨ᠎ᠡ᠃ ᠡᠷᠭᠡᠪᠰᠢ ᠤᠷᠢᠳᠴᠢᠯᠠᠨ ᠠᠵᠢᠯ  ᠤᠨ ᠪᠠᠶᠢᠷᠢ

 ᠠᠴᠠ ᠰᠠᠯᠬᠤ ᠨᠦᠬᠦᠴᠡᠯ  ᠢ ᠴᠢᠩᠭ᠎ᠠ ᠡᠵᠡᠮᠰᠢᠵᠦ᠂ ᠮᠡᠳᠡᠬᠦᠯᠦᠨ ᠵᠦᠪᠰᠢᠶᠡᠷᠡᠬᠦ ᠠᠯᠬᠤᠮ ᠲᠠᠷᠠᠭ᠎ᠠ  ᠶᠢ ᠴᠢᠩᠭ᠎ᠠ

ᠬᠦᠢᠴᠡᠳᠭᠡᠬᠦ ᠬᠡᠷᠡᠭᠳᠡᠢ᠃ ᠡᠷᠭᠡᠪᠰᠢ ᠬᠤᠪᠢ ᠬᠦᠮᠦᠨ ᠨᠢ ᠡᠷᠡᠮᠡᠯᠵᠡᠯᠡᠵᠦ᠂ ᠰᠠᠯᠠᠭ᠎ᠠ ᠮᠦᠴᠢᠷ᠂ ᠨᠢᠭᠡᠴᠡ ᠨᠢ

ᠵᠦᠪᠰᠢᠶᠡᠷᠡᠭᠰᠡᠨ  ᠤ ᠲᠠᠷᠠᠭ᠎ᠠ᠂ ᠬᠠᠮᠢᠶᠠᠷᠤᠯᠳᠠ  ᠶᠢᠨ ᠡᠷᠭᠡ ᠬᠢᠵᠠᠭᠠᠷᠯᠠᠯ  ᠢᠶᠠᠷ᠂ ᠵᠤᠬᠢᠶᠠᠨ ᠪᠠᠶᠢᠭᠤᠯᠬᠤ ᠪᠠ

ᠬᠦᠮᠦᠨ ᠤ ᠬᠦᠴᠦᠨ  ᠤ ᠡᠬᠢ ᠪᠠᠶᠠᠯᠢᠭ ᠨᠡᠶᠢᠭᠡᠮ  ᠤᠨ ᠪᠠᠳᠤᠯᠠᠭ᠎ᠠ  ᠶᠢᠨ ᠰᠠᠯᠠᠭ᠎ᠠ ᠮᠦᠴᠢᠷ  ᠢᠶᠠᠷ ᠵᠦᠪᠰᠢᠶᠡᠷᠡᠬᠦᠯᠬᠦ

ᠬᠡᠷᠡᠭᠳᠡᠢ᠃ ᠤᠷᠢᠳᠴᠢᠯᠠᠨ ᠠᠵᠢᠯ  ᠤᠨ ᠪᠠᠶᠢᠷᠢ  ᠠᠴᠠ ᠰᠠᠯᠬᠤ ᠲᠦᠷᠦ  ᠶᠢᠨ ᠪᠤᠳᠤᠯᠭ᠎ᠠ  ᠶᠢ ᠲᠤᠰ ᠤᠳᠠᠭᠠᠨ  ᠤ

ᠠᠯᠪᠠᠨ ᠲᠡᠷᠭᠡ ᠬᠡᠷᠡᠭᠯᠡᠬᠦ ᠲᠦᠷᠢᠮ ᠤᠨ ᠦᠭᠡᠷᠡᠴᠢᠯᠡᠯᠳᠡ ᠳᠠᠬᠢ ᠵᠢᠯᠤᠭᠤᠴᠢ ᠠᠵᠢᠯᠳᠠᠨ  ᠢ ᠲᠦᠪᠬᠢᠨᠡᠬᠦᠯᠬᠦ ᠳᠤ

ᠬᠢᠵᠠᠭᠠᠷᠯᠠᠵᠦ᠂ 2016 ᠤᠨ  ᠤ 9 ᠳ᠋ᠤᠭᠡᠷ ᠰᠠᠷ᠎ᠠ  ᠶᠢᠨ 30  ᠤ ᠡᠳᠦᠷ  ᠠᠴᠠ ᠡᠮᠦᠨ᠎ᠡ ᠨᠦᠬᠦᠴᠡᠯ  ᠳᠤ

ᠨᠡᠶᠢᠴᠡᠬᠦ ᠬᠦᠮᠦᠰ ᠰᠠᠶᠢᠨ ᠲᠤᠷ᠎ᠠ  ᠠᠴᠠ ᠪᠠᠨ ᠡᠷᠡᠮᠡᠯᠵᠡᠯᠡᠵᠦ ᠤᠷᠢᠳᠴᠢᠯᠠᠨ ᠠᠵᠢᠯ  ᠤᠨ ᠪᠠᠶᠢᠷᠢ ᠠᠴᠠ ᠪᠠᠨ ᠰᠠᠯᠵᠦ

ᠪᠤᠯᠤᠨ᠎ᠠ᠃ 2016   ᠤᠨ  ᠤ 10   ᠳ᠋ᠤᠭᠠᠷ ᠰᠠᠷ᠎ᠠ  ᠶᠢᠨ 1   ᠤ ᠡᠳᠦᠷ  ᠠᠴᠠ ᠬᠤᠶᠢᠰᠢ ᠠᠵᠢᠯ  ᠠᠴᠠ ᠪᠠᠨ

ᠰᠠᠯᠬᠤ ᠨᠦᠬᠦᠴᠡᠯ  ᠳᠤ ᠬᠦᠷᠪᠡᠯ ᠲᠤᠰ ᠲᠦᠷᠦ  ᠶᠢᠨ ᠪᠤᠳᠤᠯᠭ᠎ᠠ  ᠶᠢᠨ ᠬᠡᠪᠴᠢᠶᠡᠨ  ᠳᠤ ᠤᠷᠤᠭᠤᠯᠬᠤ ᠦᠭᠡᠢ᠃

ᠤᠷᠢᠳᠴᠢᠯᠠᠨ ᠠᠵᠢᠯ  ᠤᠨ ᠪᠠᠶᠢᠷᠢ  ᠠᠴᠠ ᠪᠠᠨ ᠰᠠᠯᠬᠤ ᠬᠦᠮᠦᠰ  ᠢ ᠲᠤᠰ ᠤᠳᠠᠭᠠᠨ  ᠤ ᠠᠯᠪᠠᠨ ᠲᠡᠷᠭᠡ ᠬᠡᠷᠡᠭᠯᠡᠬᠦ

ᠲᠦᠷᠢᠮ ᠤᠨ ᠦᠭᠡᠷᠡᠴᠢᠯᠡᠯᠳᠡ  ᠶᠢᠨ ᠨᠦᠬᠦᠪᠤᠷᠢ ᠲᠠᠷᠬᠠᠭᠠᠬᠤ ᠬᠡᠪᠴᠢᠶᠡᠨ  ᠳᠤ ᠤᠷᠤᠭᠤᠯᠬᠤ ᠦᠭᠡᠢ᠃

      ︵ᠲᠦᠷᠪᠡ︶ ᠨᠢᠭᠡᠴᠡ ᠶᠢᠨ ᠦᠪᠡᠷᠳᠡᠭᠡᠨ ᠤᠷᠢᠭᠰᠠᠨ ᠵᠢᠯᠤᠭᠤᠴᠢ ᠠᠵᠢᠯᠳᠠᠨ  ᠢ ᠪᠠᠶᠢᠭ᠎ᠠ ᠪᠠᠶᠢᠭᠤᠯᠭ᠎ᠠ ︵

ᠨᠢᠭᠡᠴᠡ︶ ᠨᠢ ᠬᠠᠷᠢᠭᠤᠴᠠᠨ ᠵᠤᠬᠢᠰᠳᠠᠢ ᠲᠦᠪᠬᠢᠨᠡᠬᠦᠯᠦᠨ᠎ᠡ᠃ ᠵᠢᠩᠬᠢᠨᠢ ᠵᠢᠯᠤᠭᠤᠴᠢ ᠨᠢ ᠲᠡᠷᠭᠡᠨ  ᠤ ᠦᠭᠡᠷᠡᠴᠢᠯᠡᠯᠳᠡ

ᠬᠢᠬᠦ ᠨᠢᠭᠡᠴᠡ  ᠶᠢᠨ ᠠᠯᠪᠠᠨ  ᠳᠤ ᠬᠡᠷᠡᠭᠯᠡᠬᠦ ᠲᠡᠷᠭᠡᠨ  ᠤ ᠬᠦᠮᠦᠨ ᠬᠡᠷᠡᠭᠯᠡᠬᠦ ᠱᠠᠭᠠᠷᠳᠠᠯᠭ᠎ᠠ  ᠶᠢ ᠬᠠᠩᠭᠠᠵᠦ ᠲᠡᠶᠢᠯᠬᠦ

ᠦᠭᠡᠢ ᠪᠤᠯ ᠨᠢᠭᠡᠴᠡ ᠨᠢ ᠦᠪᠡᠷᠳᠡᠭᠡᠨ ᠤᠷᠢᠭᠰᠠᠨ ᠵᠢᠯᠤᠭᠤᠴᠢ  ᠶᠢᠨ ᠲᠤᠳᠤᠷ᠎ᠠ  ᠠᠴᠠ ᠰᠢᠯᠢᠳᠡᠭ  ᠢ ᠨᠢ ᠰᠤᠩᠭᠤᠨ

ᠬᠡᠷᠡᠭᠯᠡᠵᠦ ᠪᠤᠯᠬᠤ ᠪᠦᠭᠡᠳ ᠠᠯᠪᠠᠨ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠵᠢᠯᠤᠭᠤᠴᠢ ᠠᠵᠢᠯᠳᠠᠨ

 ᠢ ᠲᠦᠪᠬᠢᠨᠡᠬᠦᠯᠬᠦ ᠠᠵᠢᠯ  ᠤᠨ ᠲᠤᠭᠤᠶᠢᠯᠠᠩ ᠪᠤᠳᠠᠳᠤ ᠬᠡᠷᠡᠭᠴᠡᠭᠡ  ᠶᠢ ᠦᠨᠳᠦᠰᠦᠯᠡᠵᠦ ᠬᠡᠷᠡᠭᠵᠢᠬᠦᠯᠦᠨ᠎ᠡ᠃

      ᠲᠦᠷᠪᠡ᠂ ᠲᠦᠪᠬᠢᠨᠡᠬᠦᠯᠬᠦ ᠴᠠᠭ ᠬᠢᠵᠠᠭᠠᠷᠯᠠᠯ

      ︵ᠨᠢᠭᠡ︶ ᠲᠦᠰᠦᠯ ᠲᠤᠭᠳᠠᠭᠠᠨ᠎ᠠ᠃ 2016   ᠤᠨ  ᠤ 3   ᠳ᠋ᠤᠭᠠᠷ ᠰᠠᠷ᠎ᠠ  ᠶᠢᠨ ᠡᠴᠦᠰ  ᠠᠴᠠ

ᠡᠮᠦᠨ᠎ᠡ᠂ ᠪᠦᠬᠦ ᠠᠶᠢᠮᠠᠭ  ᠤᠨ ︽ᠠᠯᠪᠠᠨ ᠲᠡᠷᠭᠡ ᠬᠡᠷᠡᠭᠯᠡᠬᠦ ᠲᠦᠷᠢᠮ ᠤᠨ   ᠦᠭᠡᠷᠡᠴᠢᠯᠡᠯᠳᠡ ᠶᠢᠨ ᠵᠢᠯᠤᠭᠤᠴᠢ

ᠠᠵᠢᠯᠳᠠᠨ ᠢ ᠲᠦᠪᠬᠢᠨᠡᠬᠦᠯᠬᠦ ᠲᠦᠰᠦᠯ︾ ᠲᠤᠭᠳᠠᠭᠠᠵᠦ᠂   ᠪᠦᠬᠦ ᠠᠶᠢᠮᠠᠭ  ᠤᠨ ᠠᠯᠪᠠᠨ ᠲᠡᠷᠭᠡ ᠬᠡᠷᠡᠭᠯᠡᠬᠦ ᠲᠦᠷᠢᠮ

 ᠤᠨ ᠦᠭᠡᠷᠡᠴᠢᠯᠡᠯᠳᠡ  ᠶᠢᠨ ᠶᠡᠷᠦᠩᠭᠡᠢ ᠲᠦᠰᠦᠯ  ᠤᠨ ᠢᠵᠢ ᠪᠦᠷᠢᠳᠦᠭᠰᠡᠨ ᠲᠦᠰᠦᠯ  ᠤᠨ ᠨᠢᠭᠡ ᠪᠤᠯᠭᠠᠬᠤ  ᠶᠢᠨ

ᠬᠠᠮᠳᠤ ᠦᠪᠡᠷᠳᠡᠭᠡᠨ ᠵᠠᠰᠠᠬᠤ ᠤᠷᠤᠨ  ᠠᠴᠠ ᠵᠦᠪᠰᠢᠶᠡᠷᠡᠭᠰᠡᠨ  ᠤ ᠲᠠᠷᠠᠭ᠎ᠠ ᠵᠤᠬᠢᠶᠠᠨ ᠪᠠᠶᠢᠭᠤᠯᠤᠨ

ᠬᠡᠷᠡᠭᠵᠢᠬᠦᠯᠦᠨ᠎ᠡ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠲᠦᠪᠬᠢᠨᠡᠬᠦᠯᠬᠦ ᠲᠦᠰᠦᠯ  ᠢᠶᠠᠨ

ᠲᠤᠭᠳᠠᠭᠠᠵᠦ᠂ ᠠᠶᠢᠮᠠᠭ  ᠤᠨ ᠠᠯᠪᠠᠨ ᠲᠡᠷᠭᠡ ᠬᠡᠷᠡᠭᠯᠡᠬᠦ ᠲᠦᠷᠢᠮ ᠤᠨ ᠦᠭᠡᠷᠡᠴᠢᠯᠡᠯᠳᠡ  ᠶᠢᠨ ᠤᠳᠤᠷᠢᠳᠬᠤ

ᠲᠤᠭᠤᠶᠢᠯᠠᠩ  ᠤᠨ ᠠᠯᠪᠠᠨ ᠬᠡᠷ  ᠠᠴᠠ ᠵᠦᠪᠰᠢᠶᠡᠷᠡᠭᠰᠡᠨ  ᠤ ᠲᠠᠷᠠᠭ᠎ᠠ ᠬᠡᠷᠡᠭᠵᠢᠬᠦᠯᠦᠨ᠎ᠡ᠃

        ︵ᠬᠤᠶᠠᠷ︶ ᠠᠵᠢᠯᠳᠠᠨ  ᠢ ᠲᠦᠪᠬᠢᠨᠡᠬᠦᠯᠬᠦ᠃ 2016   ᠤᠨ  ᠤ 9   ᠳ᠋ᠤᠭᠡᠷ ᠰᠠᠷ᠎ᠠ  ᠶᠢᠨ ᠡᠴᠦᠰ

 ᠠᠴᠠ ᠡᠮᠦᠨ᠎ᠡ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠵᠢᠯᠤᠭᠤᠴᠢ ᠠᠵᠢᠯᠳᠠᠨ  ᠢ ᠲᠦᠪᠬᠢᠨᠡᠬᠦᠯᠬᠦ

ᠠᠵᠢᠯ  ᠢ ᠪᠡᠶᠡᠯᠡᠬᠦᠯᠦᠨ᠎ᠡ᠃ ᠠᠵᠢᠯᠳᠠᠨ ᠲᠦᠪᠬᠢᠨᠡᠬᠦᠯᠬᠦ ᠠᠵᠢᠯ ᠲᠤᠮᠳᠠ᠂ ᠤᠷᠢᠳᠴᠢᠯᠠᠨ ᠠᠵᠢᠯ  ᠤᠨ ᠪᠠᠶᠢᠷᠢ

 ᠠᠴᠠ ᠪᠠᠨ ᠰᠠᠯᠬᠤ ᠬᠦᠮᠦᠰ  ᠤᠨ ᠭᠠᠷᠳᠠᠮ ᠬᠦᠢᠴᠡᠳᠭᠡᠬᠦ ᠭᠤᠭᠴᠤᠭ᠎ᠠ  ᠶᠢ 2016   ᠤᠨ  ᠤ 9 ᠳ᠋ᠤᠭᠡᠷ ᠰᠠᠷ᠎ᠠ

 ᠶᠢᠨ 30  ᠤ ᠡᠳᠦᠷ   ᠢᠶᠠᠷ ᠬᠢᠵᠠᠭᠠᠷᠯᠠᠨ᠎ᠠ᠃

        ᠲᠠᠪᠤ᠂ ᠬᠠᠮᠢᠶ᠎ᠠ ᠪᠦᠬᠦᠢ ᠲᠦᠷᠦ  ᠶᠢᠨ ᠪᠤᠳᠤᠯᠭ᠎ᠠ

        ︵ᠨᠢᠭᠡ︶ ᠵᠢᠭᠡᠯᠡᠨ ᠰᠢᠯᠵᠢᠬᠦᠯᠦᠭᠰᠡᠨ᠂ ᠠᠵᠢᠯ ᠠᠴᠠ ᠪᠠᠨ ᠠᠮᠠᠷᠠᠭᠰᠠᠳ  ᠢ ᠲᠠᠬᠢᠨ ᠤᠷᠢᠭᠰᠠᠨ

ᠵᠢᠯᠤᠭᠤᠴᠢ  ᠶᠢ ᠪᠠᠶᠢᠭ᠎ᠠ ᠰᠠᠯᠠᠭ᠎ᠠ ᠮᠦᠴᠢᠷ ︵ᠨᠢᠭᠡᠴᠡ︶ ᠨᠢ ᠲᠡᠬᠦᠨ ᠤ ᠬᠠᠤᠯᠢ ᠶᠤᠰᠤᠨ  ᠤ ᠡᠷᠭᠡ ᠠᠰᠢᠭ  ᠢ

ᠬᠠᠮᠠᠭᠠᠯᠠᠬᠤ ᠤᠷᠢᠳᠠᠯ ᠲᠤᠤᠷ᠎ᠠ᠂ ᠴᠠᠭ ᠲᠤᠬᠠᠢ ᠳᠤᠨᠢ ᠪᠤᠴᠠᠭᠠᠬᠤ  ᠶᠢᠨ ᠬᠠᠮᠳᠤ ᠠᠵᠢᠯᠳᠠᠨ ᠤ   ᠬᠠᠮᠢᠶᠠᠷᠤᠯᠳᠠ  ᠶᠢ

ᠴᠢᠩᠭ᠎ᠠ   ᠵᠢᠷᠤᠮᠵᠢᠭᠤᠯᠵᠦ᠂ ᠵᠢᠯᠤᠭᠤᠴᠢ   ᠠᠵᠢᠯᠳᠠᠨ  ᠢ ᠲᠦᠪᠬᠢᠨᠡᠬᠦᠯᠬᠦ ᠠᠵᠢᠯ  ᠳᠤ ᠠᠰᠢᠭᠳᠠᠢ ᠨᠦᠬᠦᠴᠡᠯ  

ᠪᠦᠷᠢᠯᠳᠦᠬᠦᠯᠬᠦ ᠬᠡᠷᠡᠭᠳᠡᠢ᠃

        ︵ᠬᠤᠶᠠᠷ︶ ᠨᠢᠭᠡᠨᠳᠡ ᠤᠷᠢᠨ ᠬᠡᠷᠡᠭᠯᠡᠬᠦ ᠬᠡᠷ᠎ᠡ ᠪᠤᠶᠤ ᠬᠦᠳᠡᠯᠮᠤᠷᠢ  ᠶᠢᠨ ᠬᠡᠷ᠎ᠡ   ᠲᠤᠭᠳᠠᠭᠰᠠᠨ ᠨᠢᠭᠡᠴᠡ

 ᠶᠢᠨ ᠦᠪᠡᠷᠳᠡᠭᠡᠨ ᠤᠷᠢᠨ ᠬᠡᠷᠡᠭᠯᠡᠭᠰᠡᠨ ᠵᠢᠯᠤᠭᠤᠴᠢ  ᠶᠢᠨ ᠬᠡᠷ᠎ᠡ  ᠶᠢᠨ ᠬᠤᠭᠤᠴᠠᠭ᠎ᠠ ᠨᠢ ᠲᠠᠭᠤᠰᠤᠭᠰᠠᠨ ᠪᠤᠶᠤ

ᠬᠤᠶᠠᠷ ᠲᠠᠯ᠎ᠠ ᠪᠠᠷ  ᠢᠶᠠᠨ ᠵᠦᠪᠳᠡᠨ ᠬᠦᠳᠡᠯᠮᠤᠷᠢ  ᠶᠢᠨ ᠬᠡᠷ᠎ᠡ ᠪᠠᠨ ᠲᠠᠰᠤᠯᠤᠭᠰᠠᠨ ᠪᠤᠯ ᠪᠠᠶᠢᠭ᠎ᠠ ᠪᠠᠶᠢᠭᠤᠯᠭ᠎ᠠ ᠨᠢ

︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ  ᠤᠨ ᠬᠦᠳᠡᠯᠮᠤᠷᠢ  ᠶᠢᠨ ᠬᠡᠷ᠎ᠡ  ᠶᠢᠨ ᠬᠠᠤᠯᠢ︾ ᠵᠡᠷᠭᠡ

ᠬᠤᠯᠪᠤᠭᠳᠠᠯ ᠪᠦᠬᠦᠢ ᠲᠤᠭᠳᠠᠭᠠᠯ  ᠢᠶᠠᠷ ᠠᠵᠦ ᠠᠬᠤᠢ  ᠶᠢᠨ ᠨᠦᠬᠦᠪᠤᠷᠢ ᠤᠯᠭᠤᠨ᠎ᠠ᠃ ᠤᠷᠢᠨ ᠬᠡᠷᠡᠭᠯᠡᠬᠦ ᠬᠡᠷ᠎ᠡ

ᠲᠤᠭᠳᠠᠭᠰᠠᠨ ᠦᠭᠡᠢ ᠪᠤᠶᠤ ᠬᠦᠳᠡᠯᠮᠤᠷᠢ  ᠶᠢᠨ ᠬᠡᠷ᠎ᠡ ᠲᠤᠭᠳᠠᠭᠰᠠᠨ ᠦᠭᠡᠢ ᠨᠢᠭᠡᠴᠡ ᠨᠢ ᠦᠪᠡᠷᠳᠡᠭᠡᠨ ᠤᠷᠢᠨ

ᠬᠡᠷᠡᠭᠯᠡᠭᠰᠡᠨ ᠵᠢᠯᠤᠭᠤᠴᠢ ᠲᠠᠢ ᠬᠦᠳᠡᠯᠮᠤᠷᠢ  ᠶᠢᠨ ᠬᠠᠷᠢᠴᠠᠭ᠎ᠠ ᠪᠠᠨ ᠲᠠᠰᠤᠯᠠᠬᠤ ᠦᠶᠡᠰ  ᠂ ᠲᠡᠭᠡᠷᠡᠬᠢ ᠲᠤᠭᠳᠠᠭᠠᠯ

 ᠢᠶᠠᠷ ᠯᠠᠪᠯᠠᠯᠳᠠ ᠪᠤᠯᠭᠠᠵᠦ᠂ ᠠᠵᠦ ᠠᠬᠤᠢ  ᠶᠢᠨ ᠨᠦᠬᠦᠪᠤᠷᠢ ᠤᠯᠭᠤᠨ᠎ᠠ᠃

        ︵ᠭᠤᠷᠪᠠ︶ ᠤᠷᠢᠨ ᠬᠡᠷᠡᠭᠯᠡᠬᠦ ᠬᠡᠷ᠎ᠡ ᠪᠤᠶᠤ ᠬᠦᠳᠡᠯᠮᠤᠷᠢ  ᠶᠢᠨ ᠬᠡᠷ᠎ᠡ  ᠶᠢ   ᠵᠤᠭᠰᠤᠭᠠᠨ ᠲᠠᠰᠤᠯᠬᠤ

ᠨᠢᠭᠡᠴᠡ  ᠶᠢᠨ ᠦᠪᠡᠷᠳᠡᠭᠡᠨ ᠤᠷᠢᠭᠰᠠᠨ ᠵᠢᠯᠤᠭᠤᠴᠢ  ᠳᠤ ᠬᠤᠯᠪᠤᠭᠳᠠᠬᠤ ᠡᠯ᠎ᠡ ᠵᠦᠢᠯ  ᠤᠨ ᠨᠡᠶᠢᠭᠡᠮ  ᠤᠨ

ᠲᠠᠭᠠᠳᠬᠠᠯ  ᠢ ᠤᠯᠤᠰ ᠪᠠ ᠦᠪᠡᠷᠳᠡᠭᠡᠨ ᠵᠠᠰᠠᠬᠤ ᠤᠷᠤᠨ  ᠤ ᠤᠳᠤ  ᠶᠢᠨ ᠬᠡᠷᠡᠭᠵᠢᠬᠦᠯᠵᠦ ᠪᠠᠶᠢᠭ᠎ᠠ ᠬᠤᠯᠪᠤᠭᠳᠠᠯ

ᠪᠦᠬᠦᠢ ᠬᠠᠤᠯᠢ ᠴᠠᠭᠠᠵᠠ ᠬᠠᠤᠯᠢ ᠲᠦᠷᠢᠮ ᠪᠠ ᠲᠦᠷᠦ  ᠶᠢᠨ ᠪᠤᠳᠤᠯᠭ᠎ᠠ  ᠶᠢᠨ ᠲᠤᠭᠳᠠᠭᠠᠯ  ᠢᠶᠠᠷ

ᠶᠠᠪᠤᠭᠳᠠᠭᠤᠯᠤᠨ᠎ᠠ᠃

        ︵ᠲᠦᠷᠪᠡ︶ ᠤᠷᠢᠨ ᠬᠡᠷᠡᠭᠯᠡᠬᠦ ᠬᠡᠷ᠎ᠡ ᠪᠤᠶᠤ ᠬᠦᠳᠡᠯᠮᠤᠷᠢ  ᠶᠢᠨ ᠬᠡᠷ᠎ᠡ  ᠶᠢ ᠵᠤᠭᠰᠤᠭᠠᠨ ᠲᠠᠰᠤᠯᠤᠭᠰᠠᠨ

ᠨᠢᠭᠡᠴᠡ  ᠶᠢᠨ ᠦᠪᠡᠷᠳᠡᠭᠡᠨ ᠤᠷᠢᠭᠰᠠᠨ ᠵᠢᠯᠤᠭᠤᠴᠢ ᠨᠢ ᠲᠤᠰ ᠭᠠᠵᠠᠷ ᠤᠷᠤᠨ  ᠤ ᠪᠠᠶᠢᠭᠤᠯᠭ᠎ᠠ  ᠶᠢᠨ ᠠᠯᠪᠠᠨ  ᠤ

ᠲᠡᠷᠭᠡ ᠬᠡᠷᠡᠭᠯᠡᠬᠦ ᠦᠢᠯᠡᠴᠢᠯᠡᠭᠡᠨ  ᠤ ᠪᠠᠶᠢᠭᠤᠯᠤᠮᠵᠢ ︵ᠲᠦᠷᠢᠶᠡᠰᠦᠯᠡᠬᠦ ᠺᠤᠮᠫᠠᠨᠢ︶  ᠶᠢᠨ ᠵᠢᠯᠤᠭᠤᠴᠢ  ᠶᠢᠨ ᠠᠵᠢᠯ

 ᠤᠨ ᠪᠠᠶᠢᠷᠢ ᠦᠷᠢᠰᠦᠯᠳᠦᠬᠦ ᠳᠤ ᠤᠷᠤᠯᠴᠠᠵᠦ ᠪᠤᠯᠬᠤ ᠪᠦᠭᠡᠳ ᠠᠳᠠᠯᠢ ᠨᠦᠬᠦᠴᠡᠯ ᠲᠤᠤᠷ᠎ᠠ ᠤᠷᠢᠳᠠᠪᠡᠷ ᠰᠤᠩᠭᠤᠨ

ᠬᠡᠷᠡᠭᠯᠡᠨ᠎ᠡ᠃

        ︵ᠲᠠᠪᠤ︶ ᠠᠯᠪᠠᠨ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ ᠲᠤᠮᠳᠠ ᠠᠵᠢᠯ ᠠᠯᠳᠠᠭᠰᠠᠨ

ᠲᠡᠮᠳᠡᠭᠯᠡᠯ ᠲᠠᠢ ᠵᠢᠯᠤᠭᠤᠴᠢ ᠳᠤ ᠬᠠᠷᠢᠶᠠᠯᠠᠬᠤ ᠭᠠᠵᠠᠷ ᠤᠨ ᠬᠠᠮᠢᠶᠠᠷᠬᠤ ᠵᠠᠷᠴᠢᠮ  ᠢᠶᠠᠷ᠂ ᠵᠤᠬᠢᠴᠠᠩᠭᠤᠢ ᠠᠵᠢᠯ

ᠤᠯᠭᠤᠨ ᠦᠢᠯᠡᠰ ᠪᠦᠳᠦᠭᠡᠬᠦ ᠦᠢᠯᠡᠴᠢᠯᠡᠭᠡ ᠪᠠ ᠲᠦᠷᠦ  ᠶᠢᠨ ᠪᠤᠳᠤᠯᠭ᠎ᠠ  ᠶᠢᠨ ᠲᠡᠳᠬᠦᠮᠵᠢ ᠬᠠᠩᠭᠠᠨ᠎ᠠ᠃

      ᠵᠢᠷᠭᠤᠭ᠎ᠠ᠂ ᠵᠤᠬᠢᠶᠠᠨ ᠪᠠᠶᠢᠭᠤᠯᠤᠨ ᠬᠡᠷᠡᠭᠵᠢᠬᠦᠯᠬᠦ

      ︵ᠨᠢᠭᠡ︶ ᠲᠠᠨᠢᠯᠳᠠ ᠪᠠᠨ ᠲᠡᠭᠡᠭᠰᠢᠯᠡᠬᠦᠯᠵᠦ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠯᠪᠠᠨ ᠲᠡᠷᠭᠡ

ᠬᠡᠷᠡᠭᠯᠡᠬᠦ ᠲᠦᠷᠢᠮ  ᠤᠨ ᠦᠭᠡᠷᠡᠴᠢᠯᠡᠯᠳᠡ ᠨᠢ ᠦᠷᠭᠡᠨ ᠤᠯᠠᠨ ᠵᠢᠯᠤᠭᠤᠴᠢ ᠠᠵᠢᠯᠳᠠᠨ  ᠤ ᠲᠤᠰ ᠪᠡᠶ᠎ᠡ  ᠶᠢᠨ ᠠᠰᠢᠭ

ᠲᠤᠰᠠ ᠲᠠᠢ ᠬᠤᠯᠪᠤᠭᠳᠠᠵᠦ ᠪᠠᠶᠢᠭ᠎ᠠ ᠪᠤᠯᠬᠤᠷ ᠵᠢᠯᠤᠭᠤᠴᠢ ᠠᠵᠢᠯᠳᠠᠨ  ᠢ ᠵᠤᠬᠢᠰᠳᠠᠢ ᠲᠦᠪᠬᠢᠨᠡᠬᠦᠯᠬᠦ ᠨᠢ ᠠᠯᠪᠠᠨ

ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ ᠶᠢᠨ ᠴᠢᠬᠤᠯᠠ ᠡᠬᠦᠷᠭᠡ ᠪᠤᠯᠬᠤ ᠮᠦᠷᠳᠡᠭᠡᠨ ᠪᠠᠰᠠ

ᠦᠭᠡᠷᠡᠴᠢᠯᠡᠯᠳᠡ  ᠶᠢ ᠢᠳᠡᠪᠬᠢᠳᠡᠢ ᠯᠠᠪᠳᠠᠭᠤᠨ ᠲᠤᠬᠢᠷᠠᠭᠤᠯᠬᠤ  ᠶᠢᠨ ᠴᠢᠬᠤᠯᠠ ᠨᠦᠬᠦᠴᠡᠯ ᠪᠤᠯᠤᠨ᠎ᠠ᠃ ᠡᠯ᠎ᠡ

ᠭᠠᠵᠠᠷ ᠤᠷᠤᠨ ᠤ ᠬᠦᠮᠦᠨ  ᠤ ᠬᠦᠴᠦᠨ  ᠤ ᠡᠬᠢ ᠪᠠᠶᠠᠯᠢᠭ ᠬᠢᠭᠡᠳ ᠨᠡᠶᠢᠭᠡᠮ  ᠤᠨ ᠪᠠᠳᠤᠯᠠᠭ᠎ᠠ  ᠶᠢᠨ ᠰᠠᠯᠠᠭ᠎ᠠ

ᠮᠦᠴᠢᠷ ᠨᠢ ᠲᠤᠰ ᠭᠠᠵᠠᠷ ᠤᠷᠤᠨ  ᠤ ᠪᠠᠨ ᠦᠭᠡᠷᠡᠴᠢᠯᠡᠯᠳᠡ  ᠳᠤ ᠤᠷᠤᠯᠴᠠᠬᠤ ᠨᠢᠭᠡᠴᠡ  ᠶᠢᠨ ᠵᠢᠯᠤᠭᠤᠴᠢ

ᠠᠵᠢᠯᠳᠠᠨ  ᠢ ᠲᠦᠪᠬᠢᠨᠡᠬᠦᠯᠬᠦ ᠠᠵᠢᠯ  ᠢ ᠬᠠᠷᠢᠭᠤᠴᠠᠵᠦ᠂ ᠲᠡᠭᠡᠳᠦ ᠬᠡᠮᠵᠢᠶ᠎ᠡ ᠪᠠᠷ ᠬᠦᠨᠳᠦᠳᠭᠡᠨ᠂ ᠵᠤᠬᠢᠶᠠᠨ

ᠪᠠᠶᠢᠭᠤᠯᠤᠨ ᠤᠳᠤᠷᠢᠳᠬᠤ ᠪᠠᠨ ᠦᠨᠡᠨᠬᠦ ᠴᠢᠩᠭᠠᠷᠠᠭᠤᠯᠵᠦ᠂ ᠵᠢᠯᠤᠭᠤᠴᠢ ᠠᠵᠢᠯᠳᠠᠨ ᠢ ᠲᠦᠪᠬᠢᠨᠡᠬᠦᠯᠬᠦ ᠠᠵᠢᠯ  ᠤᠨ

ᠲᠤᠰᠬᠠᠢ ᠲᠦᠷᠦᠯ  ᠤᠨ ᠤᠳᠤᠷᠢᠳᠬᠤ ᠲᠤᠭᠤᠶᠢᠯᠠᠩ  ᠢ ᠴᠠᠭ ᠲᠤᠬᠠᠢ ᠳᠤᠨᠢ ᠪᠠᠶᠢᠭᠤᠯᠵᠦ᠂ ᠬᠦᠴᠦᠨ ᠪᠦᠬᠦᠢ

ᠬᠦᠮᠦᠰ  ᠢ ᠲᠤᠬᠢᠷᠠᠭᠤᠯᠵᠦ᠂ ᠵᠤᠬᠢᠶᠠᠨ ᠪᠠᠶᠢᠭᠤᠯᠤᠨ ᠬᠡᠷᠡᠭᠵᠢᠬᠦᠯᠬᠦ ᠬᠡᠷᠡᠭᠳᠡᠢ᠃ ᠠᠵᠢᠯ  ᠤᠨ ᠰᠠᠬᠢᠯᠭ᠎ᠠ ᠪᠠᠳᠤ ᠪᠠᠨ

ᠴᠢᠩᠭᠠᠷᠠᠭᠤᠯᠵᠦ᠂ ᠠᠵᠢᠯ  ᠤᠨ ᠬᠠᠷᠢᠭᠤᠴᠠᠯᠭ᠎ᠠ ᠪᠠᠨ ᠲᠤᠳᠤᠷᠬᠠᠶᠢᠯᠠᠵᠦ᠂ ᠲᠦᠪᠬᠢᠨᠡᠬᠦᠯᠬᠦ ᠠᠵᠢᠯ ᠲᠤᠮᠳᠠ

ᠢᠯᠡᠷᠡᠭᠰᠡᠨ ᠠᠰᠠᠭᠤᠳᠠᠯ  ᠢ ᠴᠠᠭ ᠲᠤᠬᠠᠢ ᠳᠤᠨᠢ ᠰᠤᠳᠤᠯᠤᠨ ᠰᠢᠢᠳᠪᠤᠷᠢᠯᠡᠵᠦ᠂ ᠢᠯᠡᠷᠡᠭᠰᠡᠨ ᠵᠦᠷᠢᠴᠡᠯ  ᠢ

ᠵᠤᠬᠢᠰᠳᠠᠢ ᠰᠢᠢᠳᠪᠤᠷᠢᠯᠡᠵᠦ᠂ ᠲᠦᠪᠬᠢᠨᠡᠬᠦᠯᠬᠦ ᠠᠵᠢᠯ  ᠢ ᠲᠤᠭᠳᠠᠭᠰᠠᠨ ᠬᠤᠭᠤᠴᠠᠭᠠᠨ  ᠤ ᠠᠬᠢᠴᠠ ᠱᠠᠭᠠᠷᠳᠠᠯᠭ᠎ᠠ

 ᠪᠠᠷ ᠲᠡᠬᠦᠰ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ᠃

        ︵ᠬᠤᠶᠠᠷ︶ ᠨᠠᠷᠢᠨ ᠨᠢᠮᠪᠠᠢ ᠵᠤᠬᠢᠶᠠᠨ ᠪᠠᠶᠢᠭᠤᠯᠵᠦ ᠯᠠᠪᠳᠠᠭᠤᠨ ᠪᠠᠳᠤᠳᠠᠢ ᠠᠬᠢᠭᠤᠯᠤᠨ᠎ᠠ᠃ ᠡᠯ᠎ᠡ ᠭᠠᠵᠠᠷ

ᠤᠷᠤᠨ᠂ ᠡᠯ᠎ᠡ ᠰᠠᠯᠠᠭ᠎ᠠ ᠮᠦᠴᠢᠷ ᠨᠢ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠦ᠂ ᠦᠷᠭᠡᠨ  ᠢᠶᠠᠷ ᠰᠠᠨᠠᠯ

ᠬᠤᠷᠢᠶᠠᠭᠰᠠᠨ ᠰᠠᠭᠤᠷᠢᠨ ᠲᠡᠭᠡᠷ᠎ᠡ᠂ ᠠᠯᠪᠠᠨ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠶᠡᠷᠦᠩᠭᠡᠢ

ᠪᠠᠶᠢᠷᠢᠯᠠᠭᠤᠯᠤᠯᠳᠠ ᠪᠠᠷ᠂ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ  ᠤᠨ ᠠᠯᠪᠠᠨ ᠲᠡᠷᠭᠡ ᠬᠡᠷᠡᠭᠯᠡᠬᠦ ᠲᠦᠷᠢᠮ

 ᠤᠨ ᠦᠭᠡᠷᠡᠴᠢᠯᠡᠯᠳᠡ  ᠶᠢᠨ ᠵᠢᠯᠤᠭᠤᠴᠢ ᠠᠵᠢᠯᠳᠠᠨ  ᠢ ᠲᠦᠪᠬᠢᠨᠡᠬᠦᠯᠬᠦ ᠲᠦᠰᠦᠯ  ᠢ ᠱᠠᠯᠠᠪᠳᠠᠨ ᠲᠤᠭᠳᠠᠭᠠᠵᠦ᠂

ᠵᠦᠪᠰᠢᠶᠡᠷᠡᠬᠦᠯᠦᠭᠰᠡᠨ  ᠤ ᠲᠠᠷᠠᠭ᠎ᠠ ᠨᠠᠷᠢᠨ ᠨᠢᠮᠪᠠᠢ ᠵᠤᠬᠢᠶᠠᠨ ᠪᠠᠶᠢᠭᠤᠯᠵᠦ᠂ ᠨᠢᠬᠳᠠ ᠪᠠᠶᠢᠷᠢᠯᠠᠭᠤᠯᠤᠨ᠂

ᠵᠢᠷᠤᠮᠵᠢᠭᠤᠯᠤᠨ ᠠᠵᠢᠯᠯᠠᠵᠦ᠂ ᠨᠠᠷᠢᠨ ᠬᠢᠨᠠᠮᠠᠭᠠᠢ ᠬᠡᠷᠡᠭᠵᠢᠬᠦᠯᠦᠨ᠂ ᠨᠡᠶᠢᠭᠡᠮ  ᠤᠨ ᠡᠶ᠎ᠡ ᠵᠤᠬᠢᠴᠠᠯ ᠲᠤᠭᠳᠠᠭᠤᠨ  ᠢ

ᠪᠠᠳᠤᠯᠠᠬᠤ ᠬᠡᠷᠡᠭᠳᠡᠢ᠃ ᠪᠤᠳᠠᠳᠠᠢ ᠬᠡᠷᠡᠭᠵᠢᠬᠦᠯᠬᠦ ᠶᠠᠪᠤᠴᠠ ᠲᠤᠮᠳᠠ ᠪᠠᠨ ᠰᠠᠯᠠᠭ᠎ᠠ ᠮᠦᠴᠢᠷ  ᠤᠨ ᠬᠤᠭᠤᠷᠤᠨᠳᠦ᠂

ᠲᠡᠭᠡᠷ᠎ᠡ ᠲᠤᠤᠷ᠎ᠠ ᠱᠠᠳᠤᠨ ᠤ ᠬᠤᠭᠤᠷᠤᠨᠳᠦ ᠬᠠᠮᠵᠢᠯᠴᠠᠨ ᠵᠤᠬᠢᠴᠠᠯᠳᠤᠬᠤ ᠶᠢ ᠠᠩᠬᠠᠷᠴᠦ᠂ ᠬᠠᠷᠢᠯᠴᠠᠨ ᠨᠡᠪᠳᠡᠷᠡᠯᠴᠡᠬᠦ

 ᠪᠠᠨ ᠴᠢᠩᠭᠠᠳᠬᠠᠵᠦ᠂ ᠴᠢᠬᠤᠯᠠ ᠠᠰᠠᠭᠤᠳᠠᠯ ᠪᠠ ᠪᠠᠶᠢᠳᠠᠯ ᠲᠤᠯᠭᠠᠷᠠᠪᠠᠯ᠂ ᠴᠠᠭ ᠲᠤᠬᠠᠢ ᠳᠤᠨᠢ ᠵᠢᠭᠠᠪᠤᠷᠢ ᠠᠪᠴᠦ

ᠮᠡᠳᠡᠬᠦᠯᠬᠦ ᠬᠡᠷᠡᠭᠳᠡᠢ᠃

        ︵ᠭᠤᠷᠪᠠ︶ ᠵᠢᠯᠤᠭᠤᠳᠤᠯᠭ᠎ᠠ ᠪᠠᠨ ᠴᠢᠩᠭᠠᠳᠬᠠᠵᠦ᠂ ᠲᠤᠭᠳᠠᠭᠤᠨ  ᠢ ᠪᠠᠳᠤᠯᠠᠬᠤ ᠬᠡᠷᠡᠭᠳᠡᠢ᠃ ᠡᠯ᠎ᠡ

ᠭᠠᠵᠠᠷ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠨᠢ ᠲᠦᠷᠦ  ᠶᠢᠨ ᠪᠤᠳᠤᠯᠭ᠎ᠠ ᠲᠠᠶᠢᠯᠪᠤᠷᠢᠯᠠᠬᠤ ᠪᠠ ᠦᠵᠡᠯ

ᠰᠠᠨᠠᠭ᠎ᠠ  ᠶᠢ ᠰᠢᠯᠤᠭᠤᠳᠬᠠᠬᠤ ᠠᠵᠢᠯ  ᠢ ᠲᠡᠰᠪᠤᠷᠢᠳᠠᠢ ᠨᠠᠷᠢᠨ ᠨᠢᠬᠳᠠ ᠰᠠᠶᠢᠳᠤᠷ ᠬᠢᠵᠦ᠂ ᠠᠰᠠᠭᠤᠳᠠᠯ ᠪᠠ

ᠵᠦᠷᠢᠴᠡᠯ  ᠢ ᠲᠡᠭᠡᠷ᠎ᠡ ᠱᠠᠳᠤᠨ ᠳᠤ ᠲᠦᠯᠬᠢᠵᠦ ᠪᠤᠯᠬᠤ ᠦᠭᠡᠢ᠃ ᠪᠠᠴᠢᠮ ᠠᠷᠭᠠᠴᠠᠬᠤ ᠲᠦᠰᠦᠪ ᠲᠤᠭᠳᠠᠭᠠᠵᠦ᠂

ᠲᠦᠰᠦᠯ  ᠳᠤ ᠲᠤᠭᠳᠠᠭᠠᠭᠰᠠᠨ ᠦᠨᠳᠦᠰᠦᠨ ᠠᠯᠬᠤᠮ ᠲᠠᠷᠠᠭ᠎ᠠ ᠪᠡ ᠭᠤᠤᠯ ᠠᠭᠤᠯᠭ᠎ᠠ  ᠶᠢ ᠴᠢᠩᠭ᠎ᠠ ᠬᠡᠷᠡᠭᠵᠢᠬᠦᠯᠵᠦ

᠂ ᠨᠡᠶᠢᠭᠡᠮ  ᠤᠨ ᠲᠤᠭᠳᠠᠭᠤᠨ ᠢ ᠪᠠᠳᠤᠯᠠᠬᠤ ᠬᠡᠷᠡᠭᠳᠡᠢ᠃ ᠤᠳᠤᠷᠢᠳᠤᠯᠭ᠎ᠠ ᠴᠢᠬᠤᠯᠠᠴᠢᠯᠠᠭᠰᠠᠨ ᠦᠭᠡᠢ᠂ ᠠᠵᠢᠯ ᠨᠢ

ᠬᠦᠴᠦᠨ ᠦᠭᠡᠢ ᠠᠴᠠ ᠪᠤᠯᠵᠦ ᠵᠢᠯᠤᠭᠤᠴᠢ ᠠᠵᠢᠯᠳᠠᠨ ᠤᠯᠠᠨ  ᠢᠶᠠᠷ ᠲᠡᠭᠡᠭᠰᠢ ᠵᠠᠭᠠᠯᠳᠤᠯᠭ᠎ᠠ ᠬᠢᠬᠦ ᠪᠤᠶᠤ ᠱᠠᠳᠤ

ᠠᠯᠤᠰᠯᠠᠨ ᠲᠡᠭᠡᠭᠰᠢ ᠵᠠᠭᠠᠯᠳᠤᠯᠭ᠎ᠠ ᠭᠠᠷᠭᠠᠪᠠᠯ᠂ ᠬᠠᠮᠢᠶ᠎ᠠ ᠪᠦᠬᠦᠢ ᠲᠤᠭᠳᠠᠭᠠᠯ  ᠢᠶᠠᠷ ᠬᠤᠯᠪᠤᠭᠳᠠᠯ ᠪᠦᠬᠦᠢ

ᠤᠳᠤᠷᠢᠳᠤᠯᠭ᠎ᠠ ᠪᠠ ᠬᠠᠷᠢᠭᠤᠴᠠᠯᠭᠠᠳᠠᠨ  ᠠᠴᠠ ᠬᠠᠷᠢᠭᠤᠴᠠᠯᠭ᠎ᠠ ᠨᠡᠭᠡᠮᠵᠢᠯᠡᠨ᠎ᠡ᠃

        ᠲᠤᠰ ᠬᠡᠷᠡᠭᠵᠢᠬᠦᠯᠬᠦ ᠰᠠᠨᠠᠯ  ᠢ ᠵᠦᠪᠭᠡᠨ ᠲᠤᠰ ᠤᠳᠠᠭᠠᠨ  ᠤ ᠰᠢᠯᠢ  ᠶᠢᠨ ᠭᠤᠤᠯ ᠠᠶᠢᠮᠠᠭ  ᠤᠨ

ᠪᠠᠶᠢᠭᠤᠯᠭ᠎ᠠ  ᠶᠢᠨ ᠠᠯᠪᠠᠳᠠᠨ  ᠤ ᠬᠠᠤᠯᠢ ᠪᠠᠷ ᠯᠠᠪᠯᠠᠯᠳᠠ ᠪᠤᠯᠭᠠᠬᠤ ᠨᠢᠭᠡᠴᠡ ᠶᠢᠨ ᠠᠯᠪᠠᠨ ᠲᠡᠷᠭᠡ ᠬᠡᠷᠡᠭᠯᠡᠬᠦ

ᠦᠭᠡᠷᠡᠴᠢᠯᠡᠯᠳᠡ ᠲᠤᠮᠳᠠᠬᠢ ᠵᠢᠯᠤᠭᠤᠴᠢ ᠠᠵᠢᠯᠳᠠᠨ  ᠢ ᠲᠦᠪᠬᠢᠨᠡᠬᠦᠯᠬᠦ ᠠᠵᠢᠯ ᠳᠤ ᠯᠠ ᠬᠡᠷᠡᠭᠵᠢᠬᠦᠯᠦᠨ᠎ᠡ᠃

ᠲᠠᠭᠠᠯᠳᠤᠭᠤᠯᠤᠯ 3

ᠰᠢᠯᠢ ᠶᠢᠨ ᠭᠤᠤᠯ ᠠᠶᠢᠮᠠᠭ  ᠤᠨ ᠨᠠᠮ ᠵᠠᠰᠠᠭ  ᠤᠨ ᠪᠠᠶᠢᠭᠤᠯᠭ᠎ᠠ  ᠶᠢᠨ ᠬᠠᠤᠯᠢ ᠬᠡᠷᠡᠭᠵᠢᠬᠦᠯᠬᠦ

ᠵᠢᠵᠢᠬᠦᠷᠯᠡᠬᠦ  ᠳᠤ   ᠬᠡᠷᠡᠭᠯᠡᠬᠦ   ᠲᠡᠷᠭᠡᠨ  ᠤ   ᠲᠦᠷᠢᠮ  ᠤᠨ   ᠦᠭᠡᠷᠡᠴᠢᠯᠡᠯᠳᠡ  ᠶᠢᠨ   ᠠᠷᠭ᠎ᠠ

      ᠨᠢᠭᠡᠳᠦᠭᠡᠷ ᠵᠤᠷᠪᠤᠰ     ᠰᠢᠯᠢ  ᠶᠢᠨ ᠭᠤᠤᠯ ᠠᠶᠢᠮᠠᠭ  ᠤᠨ ᠨᠠᠮ ᠵᠠᠰᠠᠭ  ᠤᠨ ᠪᠠᠶᠢᠭᠤᠯᠭ᠎ᠠ  ᠶᠢᠨ ᠬᠠᠤᠯᠢ

ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡᠨ ᠤ ᠲᠦᠷᠢᠮ  ᠤᠨ ᠦᠭᠡᠷᠡᠴᠢᠯᠡᠯᠳᠡ  ᠶᠢ ᠲᠤᠭᠳᠠᠭᠤᠨ  ᠢᠶᠠᠷ

ᠠᠬᠢᠭᠤᠯᠵᠦ᠂ ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡᠨ  ᠤ ᠬᠠᠮᠢᠶᠠᠷᠤᠯᠳᠠ  ᠶᠢ ᠵᠢᠷᠤᠮᠵᠢᠭᠤᠯᠬᠤ

 ᠶᠢᠨ ᠲᠤᠰᠠᠳᠠ᠂ ︽ᠦᠪᠤᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ  ᠤ ᠨᠠᠮ  ᠤᠨ ᠬᠤᠷᠢᠶᠠᠨ  ᠤ ᠠᠯᠪᠠᠨ

ᠲᠢᠩᠬᠢᠮ᠂ ᠵᠠᠰᠠᠭ  ᠤᠨ ᠤᠷᠳᠤᠨ  ᠤ ᠠᠯᠪᠠᠨ ᠲᠢᠩᠬᠢᠮ  ᠤᠨ ︿ᠦᠪᠤᠷ ᠮᠤᠩᠭᠤᠯ  ᠤᠨ ᠦᠪᠡᠷᠳᠡᠭᠡᠨ ᠵᠠᠰᠠᠬᠤ

ᠤᠷᠤᠨ  ᠤ ᠠᠯᠪᠠᠨ ᠲᠡᠷᠭᠡ ᠬᠡᠷᠡᠭᠯᠡᠬᠦ ᠲᠦᠷᠢᠮ  ᠤᠨ ᠦᠭᠡᠷᠡᠴᠢᠯᠡᠯᠳᠡ  ᠶᠢᠨ ᠶᠡᠷᠦᠩᠭᠡᠢ ᠲᠦᠰᠦᠯ﹀  ᠢ ᠲᠠᠷᠤᠮᠠᠯᠯᠠᠨ

ᠲᠠᠷᠬᠠᠭᠠᠬᠤ ᠲᠤᠬᠠᠢ ᠮᠡᠳᠡᠭᠳᠡᠯ︾ ︵ᠦᠪᠤᠷ ᠨᠠᠮ ᠠᠯᠪᠠᠨ ᠲᠠᠷᠬᠠᠭᠠᠭᠰᠠᠨ 〔2015〕50 ᠳ᠋ᠤᠭᠠᠷ ᠲᠤᠭᠠᠳᠦ︶  

 ᠤᠨ ᠵᠤᠷᠢᠭ ᠰᠠᠨᠠᠭ᠎ᠠ ᠵᠢᠴᠢ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ  ᠤ ᠠᠯᠪᠠᠨ  ᠳᠤ ᠬᠡᠷᠡᠭᠯᠡᠬᠦ

ᠲᠡᠷᠭᠡᠨ  ᠤ ᠬᠠᠮᠢᠶᠠᠷᠤᠯᠳᠠ  ᠶᠢᠨ ᠬᠤᠯᠪᠤᠭᠳᠠᠯ ᠪᠦᠬᠦᠢ ᠲᠤᠭᠳᠠᠭᠠᠯ  ᠢ ᠦᠨᠳᠦᠰᠦᠯᠡᠵᠦ᠂ ᠲᠤᠰ ᠠᠷᠭ᠎ᠠ  ᠶᠢ

ᠲᠤᠭᠳᠠᠭᠠᠪᠠ᠃

      ᠬᠤᠶᠠᠳᠤᠭᠠᠷ ᠵᠤᠷᠪᠤᠰ     ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡ ᠪᠤᠯ ᠲᠦᠪ

ᠬᠤᠷᠢᠶᠠᠨ  ᠤ ᠲᠤᠳᠤᠷᠬᠠᠶᠢᠯᠠᠭᠰᠠᠨ 17   ︵ᠦᠪᠡᠷᠳᠡᠭᠡᠨ ᠵᠠᠰᠠᠬᠤ ᠤᠷᠤᠨ ᠤ  12︶ ᠬᠠᠤᠯᠢ ᠬᠡᠷᠡᠭᠵᠢᠬᠦᠯᠬᠦ

ᠵᠢᠵᠢᠬᠦᠷᠯᠡᠬᠦ ᠰᠠᠯᠠᠭ᠎ᠠ ᠮᠦᠴᠢᠷ ᠪᠠ ᠦᠪᠡᠷᠳᠡᠭᠡᠨ ᠵᠠᠰᠠᠬᠤ ᠤᠷᠤᠨ  ᠤ ᠲᠤᠳᠤᠷᠬᠠᠶᠢᠯᠠᠭᠰᠠᠨ 15   ᠬᠠᠤᠯᠢ

ᠬᠡᠷᠡᠭᠵᠢᠬᠦᠯᠬᠦ ᠵᠢᠵᠢᠬᠦᠷᠯᠡᠬᠦ ᠰᠠᠯᠠᠭ᠎ᠠ ᠮᠦᠴᠢᠷ ᠤᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠲᠡᠷᠭᠡ  ᠶᠢ ᠵᠢᠭᠠᠨ᠎ᠠ᠃

ᠲᠦᠪ ᠬᠤᠷᠢᠶᠠᠨ  ᠤ ᠲᠤᠳᠤᠷᠬᠠᠶᠢᠯᠠᠭᠰᠠᠨ ᠦᠪᠡᠷᠳᠡᠭᠡᠨ ᠵᠠᠰᠠᠬᠤ ᠤᠷᠤᠨ  ᠳᠤ ᠬᠤᠯᠪᠤᠭᠳᠠᠬᠤ 12   ᠬᠠᠤᠯᠢ

ᠬᠡᠷᠡᠭᠵᠢᠬᠦᠯᠬᠦ ᠵᠢᠵᠢᠬᠦᠷᠯᠡᠬᠦ ᠰᠠᠯᠠᠭ᠎ᠠ ᠮᠦᠴᠢᠷ ᠨᠢ ᠲᠤᠬᠠᠶᠢᠯᠠᠪᠠᠯ᠄ ᠲᠤᠳᠤᠭᠠᠳᠤ  ᠶᠢ ᠬᠠᠮᠠᠭᠠᠯᠠᠬᠤ᠂ ᠪᠠᠶᠢᠴᠠᠭᠠᠬᠤ

ᠬᠤᠷᠢᠶ᠎ᠠ᠂ ᠰᠢᠬᠦᠬᠦ ᠬᠤᠷᠢᠶ᠎ᠠ᠂ ᠬᠠᠤᠯᠢ ᠴᠠᠭᠠᠵᠠ ︵ᠬᠤᠤᠷ᠎ᠠ ᠲᠠᠳᠠᠬᠤ  ᠶᠢ ᠵᠤᠭᠰᠤᠭᠠᠬᠤ ᠦᠷᠳᠡᠭᠡ  ᠶᠢ

ᠪᠠᠭᠳᠠᠭᠠᠨ᠎ᠠ︶᠂ ᠰᠠᠬᠢᠯᠭ᠎ᠠ ᠪᠠᠳᠤ ᠬᠢᠨᠠᠨ ᠪᠠᠶᠢᠴᠠᠭᠠᠬᠤ᠂ ᠠᠮᠤᠷ ᠲᠦᠪᠰᠢᠨ᠂ ᠲᠠᠷᠢᠶᠠᠯᠠᠩ ᠮᠠᠯ ᠠᠵᠦ ᠠᠬᠤᠢ᠂

ᠢᠳᠡᠭᠡᠨ ᠬᠢᠭᠡᠳ ᠡᠮ᠂ ᠵᠠᠮ ᠬᠠᠷᠢᠯᠴᠠᠭ᠎ᠠ᠂ ᠦᠢᠯᠡᠳᠪᠤᠷᠢ ᠬᠤᠳᠠᠯᠳᠤᠭ᠎ᠠ᠂ ᠤᠷᠤᠨ ᠨᠤᠳᠤᠭ  ᠤᠨ ᠭᠠᠶᠢᠯᠢ᠂ ᠤᠢ

ᠰᠢᠭᠤᠢ ︵ᠤᠢ ᠰᠢᠭᠤᠢ  ᠶᠢᠨ ᠲᠤᠳᠤᠭᠠᠳᠦ  ᠶᠢ ᠬᠠᠮᠠᠭᠠᠯᠠᠬᠤ ᠶᠢ ᠪᠠᠭᠳᠠᠭᠠᠨ᠎ᠠ︶᠂ ᠦᠪᠡᠷᠳᠡᠭᠡᠨ ᠵᠠᠰᠠᠬᠤ ᠤᠷᠤᠨ

 ᠤ ᠲᠤᠳᠤᠷᠬᠠᠢ ᠲᠤᠭᠳᠠᠭᠠᠭᠰᠠᠨ 15   ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠨᠢ ᠲᠤᠬᠠᠶᠢᠯᠠᠪᠠᠯ᠄ ᠤᠰᠤᠨ

ᠠᠰᠢᠭᠯᠠᠯᠳᠠ᠂ ᠶᠠᠰᠤ ᠴᠢᠨᠠᠷ ᠮᠡᠷᠭᠡᠵᠢᠯ  ᠤᠨ ᠬᠢᠨᠠᠯᠳᠠ᠂ ᠤᠷᠴᠢᠨ ᠲᠤᠭᠤᠷᠢᠨ  ᠢ ᠬᠠᠮᠠᠭᠠᠯᠠᠬᠤ᠂ ᠵᠢᠭᠤᠯᠴᠢᠯᠠᠯ᠂

ᠬᠦᠭᠵᠢᠬᠦᠯᠦᠯᠳᠡ ᠦᠭᠡᠷᠡᠴᠢᠯᠡᠯᠳᠡ᠂ ᠤᠯᠤᠰ  ᠤᠨ ᠭᠠᠵᠠᠷ ᠰᠢᠷᠤᠢ ᠡᠬᠢ ᠪᠠᠶᠠᠯᠢᠭ᠂ ᠤᠷᠤᠨ ᠰᠠᠭᠤᠴᠠ  ᠶᠢᠨ

ᠪᠠᠶᠢᠭᠤᠯᠤᠯᠳᠠ᠂ ᠠᠵᠦ ᠠᠬᠤᠢ ᠰᠤᠷᠠᠭ ᠴᠢᠮᠡᠭᠡ᠂ ᠠᠶᠦᠯᠬᠦᠢ ᠦᠢᠯᠡᠳᠪᠤᠷᠢᠯᠡᠯ ᠤᠨ ᠬᠢᠨᠠᠯᠳᠠ᠂ ᠰᠤᠶᠤᠯ᠂

ᠬᠦᠳᠡᠯᠮᠤᠷᠢ ᠨᠡᠶᠢᠭᠡᠮ  ᠤᠨ ᠪᠠᠳᠤᠯᠠᠭ᠎ᠠ᠂ ᠠᠷᠠᠳ  ᠤᠨ ᠶᠠᠪᠤᠳᠠᠯ᠂ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ᠂  

ᠠᠷᠠᠯᠵᠢᠶᠠᠨ  ᠤ ᠶᠠᠪᠤᠳᠠᠯ᠂ ᠬᠤᠳᠠ  ᠶᠢᠨ ᠬᠠᠮᠢᠶᠠᠷᠤᠯᠳᠠ ᠪᠤᠯᠤᠨ᠎ᠠ᠃

      ᠬᠠᠤᠯᠢ ᠬᠡᠷᠡᠭᠵᠢᠬᠦᠯᠬᠦ ᠵᠢᠵᠢᠬᠦᠷᠯᠡᠬᠦ ᠲᠡᠷᠭᠡ  ᠶᠢ ᠭᠤᠤᠯᠳᠠᠭᠤ ᠵᠢᠵᠢᠬᠦᠷᠯᠡᠬᠦ᠂ ᠬᠢᠨᠠᠨ ᠬᠠᠮᠢᠶᠠᠷᠬᠤ᠂ ᠬᠢᠨᠠᠨ

ᠪᠠᠶᠢᠴᠠᠭᠠᠬᠤ᠂ ᠬᠡᠷᠡᠭ ᠰᠢᠢᠳᠪᠤᠷᠢᠯᠡᠬᠦ ᠵᠡᠷᠭᠡ ᠠᠯᠪᠠᠨ  ᠤ ᠶᠠᠪᠤᠳᠠᠯ  ᠳᠤ ᠲᠤᠰᠬᠠᠢ ᠬᠡᠷᠡᠭᠯᠡᠨ᠎ᠡ᠃ ᠬᠠᠤᠯᠢ

ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡ  ᠶᠢ ᠶᠡᠷᠦ ᠳᠡᠭᠡᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠲᠡᠷᠭᠡ ᠪᠠ

ᠤᠨᠴᠠᠭᠠᠢ ᠲᠦᠷᠦᠯ  ᠤᠨ ᠲᠤᠰᠬᠠᠢ ᠮᠡᠷᠭᠡᠵᠢᠯ  ᠤᠨ ᠬᠡᠷᠡᠭᠯᠡᠬᠦ ᠲᠡᠷᠭᠡ ᠬᠡᠵᠦ ᠬᠤᠪᠢᠶᠠᠨ᠎ᠠ  ᠃

      ᠭᠤᠷᠪᠠᠳᠤᠭᠠᠷ ᠵᠤᠷᠪᠤᠰ     ᠬᠠᠤᠯᠢ ᠬᠡᠷᠡᠭᠵᠢᠬᠦᠯᠬᠦ ᠵᠢᠵᠢᠬᠦᠷᠯᠡᠬᠦ ᠳᠤ ᠬᠡᠷᠡᠭᠯᠡᠬᠦ ᠲᠡᠷᠭᠡᠨ ᠤ ᠦᠭᠡᠷᠡᠴᠢᠯᠡᠯᠳᠡ

 ᠨᠢ ᠡᠷᠭᠡᠪᠰᠢ ᠬᠠᠤᠯᠢ ᠬᠡᠷᠡᠭᠵᠢᠬᠦᠯᠬᠦ ᠵᠢᠵᠢᠬᠦᠷᠯᠡᠬᠦ ᠠᠵᠢᠯ ᠤᠨ ᠬᠡᠷᠡᠭᠴᠡᠭᠡ  ᠶᠢ ᠬᠠᠩᠭᠠᠵᠦ᠂ ᠲᠤᠬᠢᠷᠠᠭᠤᠯᠬᠤ ᠬᠦᠷᠢᠶ᠎ᠡ

ᠬᠡᠪᠴᠢᠶ᠎ᠡ᠂ ᠤᠷᠤᠨ ᠲᠤᠭ᠎ᠠ ᠪᠠ ᠪᠠᠷᠢᠮᠵᠢᠶ᠎ᠠ  ᠶᠢ ᠴᠢᠩᠭ᠎ᠠ ᠬᠢᠵᠠᠭᠠᠷᠯᠠᠵᠦ᠂ ᠪᠠᠳᠤᠯᠠᠭ᠎ᠠ ᠪᠤᠯᠤᠨ ᠦᠭᠡᠷᠡᠴᠢᠯᠡᠯᠳᠡ

 ᠶᠢ ᠬᠠᠮᠳᠤ ᠳᠤᠨᠢ ᠬᠠᠷᠠᠭᠠᠯᠵᠠᠬᠤ  ᠶᠢ ᠪᠡᠶᠡᠯᠡᠬᠦᠯᠬᠦ ᠬᠡᠷᠡᠭᠳᠡᠢ᠃ ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ

ᠲᠡᠷᠭᠡ  ᠶᠢ ᠲᠤᠬᠢᠷᠠᠭᠤᠯᠬᠤ  ᠳᠤ ᠨᠢᠭᠡᠳᠦᠭᠡᠷ ᠹᠷᠤᠨᠲ  ᠤᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠠᠵᠢᠯ ᠤᠨ ᠪᠠᠶᠢᠷᠢ

 ᠪᠠᠷ ᠴᠢᠩᠭ᠎ᠠ ᠬᠢᠵᠠᠭᠠᠷᠯᠠᠵᠦ᠂ ᠪᠠᠶᠢᠭᠤᠯᠭ᠎ᠠ  ᠶᠢᠨ ᠲᠤᠳᠤᠭᠠᠳᠦ  ᠶᠢᠨ ᠬᠠᠮᠢᠶᠠᠷᠤᠯᠳᠠ ᠪᠠ ᠠᠷᠤ ᠲᠠᠯ᠎ᠠ  ᠶᠢᠨ ᠠᠵᠢᠯ

 ᠤᠨ ᠪᠠᠶᠢᠷᠢ ᠵᠢᠴᠢ ᠪᠠᠶᠢᠭᠤᠯᠭ᠎ᠠ  ᠳᠤ ᠬᠠᠷᠢᠶᠠᠯᠠᠭᠳᠠᠵᠦ ᠪᠠᠶᠢᠭ᠎ᠠ ᠠᠵᠢᠯ ᠦᠢᠯᠡᠰ  ᠤᠨ ᠨᠢᠭᠡᠴᠡ  ᠳᠤ ᠴᠦᠮ

ᠲᠤᠬᠢᠷᠠᠭᠤᠯᠵᠦ ᠪᠤᠯᠬᠤ ᠦᠭᠡᠢ᠃

      ᠲᠦᠷᠪᠡᠳᠦᠭᠡᠷ ᠵᠤᠷᠪᠤᠰ     ᠶᠡᠷᠦ ᠶᠢᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠳᠤ ᠬᠡᠷᠡᠭᠯᠡᠬᠦ ᠲᠡᠷᠭᠡ ᠪᠠ

ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠴᠢᠳᠠᠪᠬᠢᠳᠦ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠲᠡᠷᠭᠡᠨ  ᠤ

ᠤᠷᠤᠨ ᠲᠤᠭ᠎ᠠ  ᠶᠢ ᠲᠠᠬᠢᠵᠦ ᠰᠢᠨ᠎ᠡ ᠪᠠᠷ ᠬᠢᠨᠠᠨ ᠲᠤᠭᠳᠠᠭᠠᠨ᠎ᠠ᠃

        ︵ᠨᠢᠭᠡ︶ ᠡᠩ  ᠤᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠲᠡᠷᠭᠡ  ᠶᠢ 2012   ᠤᠨ  ᠳᠤ ᠨᠢᠭᠡᠨᠳᠡ

ᠲᠡᠷᠭᠡᠨ  ᠤ ᠤᠷᠤᠨ ᠲᠤᠭ᠎ᠠ  ᠶᠢ ᠴᠤᠬᠤᠯᠠᠪᠤᠷᠢᠯᠠᠭᠰᠠᠨ ᠰᠠᠯᠠᠭ᠎ᠠ ᠮᠦᠴᠢᠷ ᠨᠢ ᠬᠢᠨᠠᠨ ᠲᠤᠭᠳᠠᠭᠠᠭᠰᠠᠨ ᠤᠷᠤᠨ

ᠲᠤᠭ᠎ᠠ ᠪᠠᠷ ᠤᠨᠴᠠᠭᠠᠢ ᠲᠦᠷᠦᠯ  ᠤᠨ ᠲᠤᠰᠬᠠᠢ ᠮᠡᠷᠭᠡᠵᠢᠯ  ᠤᠨ ᠬᠡᠷᠡᠭᠯᠡᠬᠦ ᠲᠡᠷᠭᠡ  ᠶᠢᠨ ᠲᠤᠭ᠎ᠠ  ᠶᠢ ᠬᠠᠰᠤᠭᠰᠠᠨ

 ᠤ ᠲᠠᠷᠠᠭ᠎ᠠ ᠴᠦᠭᠡᠳᠭᠡᠨ᠎ᠡ︔ 2012   ᠤᠨ  ᠳᠤ ᠲᠡᠷᠭᠡᠨ  ᠤ ᠤᠷᠤᠨ ᠲᠤᠭ᠎ᠠ  ᠶᠢ ᠴᠤᠬᠤᠯᠠᠪᠤᠷᠢᠯᠠᠭᠰᠠᠨ ᠦᠭᠡᠢ

ᠰᠠᠯᠠᠭ᠎ᠠ ᠮᠦᠴᠢᠷ ᠨᠢ ᠤᠷᠴᠢᠮ  ᠤᠨ ᠵᠢᠯ  ᠤᠳ  ᠠᠴᠠ ᠴᠤᠬᠤᠯᠠᠪᠤᠷᠢᠯᠠᠭᠰᠠᠨ ᠲᠡᠷᠭᠡᠨ  ᠤ ᠤᠷᠤᠨ ᠲᠤᠭ᠎ᠠ ᠪᠠᠷ

ᠤᠨᠴᠠᠭᠠᠢ ᠲᠤᠰᠬᠠᠢ ᠮᠡᠷᠭᠡᠵᠢᠯ  ᠤᠨ ᠲᠡᠷᠭᠡᠨ  ᠤ ᠤᠷᠤᠨ ᠲᠤᠭ᠎ᠠ  ᠶᠢ ᠬᠠᠰᠤᠭᠰᠠᠨ  ᠤ ᠲᠠᠷᠠᠭ᠎ᠠ ᠴᠦᠭᠡᠳᠭᠡᠨ᠎ᠡ᠃

ᠬᠠᠰᠤᠭᠰᠠᠨ  ᠤ ᠲᠠᠷᠠᠭ᠎ᠠ ᠠᠶᠢᠮᠠᠭ ᠤᠨ ᠲᠤᠰ ᠱᠠᠳᠤᠨ  ᠳᠤ 60 %   ᠶᠢ ᠦᠯᠡᠳᠡᠭᠡᠵᠦ᠂ ᠬᠤᠰᠢᠭᠤ ᠰᠢᠶᠠᠨ  ᠤ

ᠱᠠᠳᠤᠨ  ᠳᠤ 70%   ᠶᠢ ᠦᠯᠡᠳᠡᠭᠡᠨ᠎ᠡ᠃

      ︵ᠬᠤᠶᠠᠷ︶   ᠤᠨᠴᠠᠭᠠᠢ ᠲᠤᠰᠬᠠᠢ ᠮᠡᠷᠭᠡᠵᠢᠯ  ᠤᠨ ᠬᠡᠷᠡᠭᠯᠡᠬᠦ ᠲᠡᠷᠭᠡ  ᠶᠢ ᠪᠤᠳᠠᠳᠠᠢ ᠪᠠᠶᠢᠭ᠎ᠠ ᠲᠡᠷᠭᠡ ᠪᠠᠷ

ᠪᠠᠳᠤᠯᠠᠨ ᠦᠯᠡᠳᠡᠭᠡᠨ᠎ᠡ᠃

      ︵ᠭᠤᠷᠪᠠ︶ ᠵᠠᠰᠠᠭ ᠵᠠᠬᠢᠷᠭᠠᠨ  ᠤ ᠬᠠᠤᠯᠢ ᠬᠡᠷᠡᠭᠵᠢᠬᠦᠯᠬᠦ ᠡᠬᠦᠷᠭᠡ ᠴᠢᠳᠠᠪᠬᠢᠳᠦ ᠶᠡᠷᠦᠩᠭᠡᠶᠢᠯᠡᠭᠰᠡᠨ ᠬᠠᠤᠯᠢ

ᠬᠡᠷᠡᠭᠵᠢᠬᠦᠯᠬᠦ ᠲᠡᠷᠭᠡ  ᠶᠢ ᠠᠶᠢᠮᠠᠭ  ᠤᠨ ᠲᠤᠰ ᠱᠠᠳᠤ ᠪᠠ ᠬᠤᠰᠢᠭᠤ ᠰᠢᠶᠠᠨ ᠬᠤᠳᠠ  ᠶᠢᠨ   ᠱᠠᠳᠤ ᠨᠢ ᠲᠤᠰᠪᠤᠷᠢ

ᠤᠳᠤ  ᠶᠢᠨ ᠪᠠᠶᠢᠭ᠎ᠠ ᠲᠡᠷᠭᠡᠨ  ᠤ ᠲᠤᠭᠠᠨ  ᠤ  50%   ᠪᠠ 60% ᠪᠠᠷ ᠪᠠᠳᠤᠯᠠᠨ ᠦᠯᠡᠳᠡᠭᠡᠨ᠎ᠡ᠃

      ᠲᠠᠪᠤᠳᠤᠭᠠᠷ ᠵᠤᠷᠪᠤᠰ     ᠬᠠᠰᠤᠭᠰᠠᠨ ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡ  ᠶᠢ  

︽ᠰᠢᠯᠢ  ᠶᠢᠨ ᠭᠤᠤᠯ ᠠᠶᠢᠮᠠᠭ  ᠤᠨ ᠨᠠᠮ ᠵᠠᠰᠠᠭ  ᠤᠨ ᠪᠠᠶᠢᠭᠤᠯᠭ᠎ᠠ ᠶᠢᠨ ᠠᠯᠪᠠᠨ ᠲᠡᠷᠭᠡ ᠬᠡᠷᠡᠭᠯᠡᠬᠦ ᠲᠦᠷᠢᠮ  ᠤᠨ

ᠦᠭᠡᠷᠡᠴᠢᠯᠡᠯᠳᠡ  ᠳᠤ ᠬᠤᠯᠪᠤᠭᠳᠠᠭᠰᠠᠨ ᠲᠡᠷᠭᠡᠨ  ᠤ ᠰᠢᠢᠳᠪᠤᠷᠢᠯᠡᠬᠦ ᠠᠷᠭ᠎ᠠ︾  ᠶᠢ ᠦᠨᠳᠦᠰᠦᠯᠡᠵᠦ᠂ ᠢᠯᠡ

ᠭᠤᠤᠯᠴᠢ᠂ ᠵᠢᠷᠤᠮᠵᠢᠯ ᠲᠠᠢ ᠦᠨᠳᠦᠷ ᠪᠦᠳᠦᠮᠵᠢᠳᠡᠢ ᠪᠠᠶᠢᠬᠤ ᠵᠠᠷᠴᠢᠮ  ᠢᠶᠠᠷ ᠨᠢᠭᠡᠳᠦᠯᠳᠡᠢ ᠰᠢᠢᠳᠪᠤᠷᠢᠯᠡᠨ᠎ᠡ᠃

      ᠵᠢᠷᠭᠤᠳᠤᠭᠠᠷ ᠵᠤᠷᠪᠤᠰ     ᠬᠤᠶᠠᠷ ᠵᠢᠯ  ᠤᠨ ᠲᠤᠳᠤᠷ᠎ᠠ ᠰᠠᠯᠠᠭ᠎ᠠ ᠮᠦᠴᠢᠷ ᠰᠤᠨᠳᠠᠯᠠᠭᠰᠠᠨ ᠬᠠᠤᠯᠢ

ᠬᠡᠷᠡᠭᠵᠢᠬᠦᠯᠬᠦ ᠵᠢᠵᠢᠬᠦᠷᠯᠡᠬᠦ ᠲᠡᠷᠭᠡᠨ ᠤ ᠰᠤᠷᠠᠭ ᠴᠢᠮᠡᠭᠡᠵᠢᠯᠳᠡ  ᠶᠢᠨ ᠶᠡᠷᠦᠩᠭᠡᠶᠢᠯᠡᠭᠰᠡᠨ ᠬᠠᠮᠢᠶᠠᠷᠤᠯᠳᠠ ᠶᠢᠨ

ᠲᠠᠪᠴᠠᠩ ᠪᠠᠶᠢᠭᠤᠯᠵᠦ᠂   ᠲᠡᠷᠭᠡ  ᠶᠢ ᠲᠦᠪᠯᠡᠷᠡᠬᠦᠯᠦᠨ ᠨᠢᠭᠡᠳᠦᠯᠳᠡᠢ ᠬᠠᠮᠢᠶᠠᠷᠬᠤ  ᠶᠢ ᠠᠯᠬᠤᠮ ᠠᠯᠬᠤᠮ  ᠢᠶᠠᠷ

ᠪᠡᠶᠡᠯᠡᠬᠦᠯᠵᠦ᠂ ᠬᠡᠨᠡᠳᠳᠡ  ᠶᠢᠨ ᠴᠢᠨᠠᠷᠳᠠᠢ ᠪᠠ ᠴᠢᠬᠤᠯᠠ ᠶᠡᠭᠡ ᠬᠡᠷᠡᠭ ᠤᠴᠢᠷ ᠲᠤᠬᠢᠶᠠᠯᠳᠤᠪᠠᠯ᠂ ᠨᠢᠭᠡᠳᠦᠯᠳᠡᠢ

ᠲᠤᠬᠢᠷᠠᠭᠤᠯᠤᠨ ᠬᠡᠷᠡᠭᠯᠡᠨ᠎ᠡ᠃

      ᠲᠤᠯᠤᠳᠤᠭᠠᠷ ᠵᠤᠷᠪᠤᠰ       ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡ ᠪᠠ ᠶᠡᠷᠦᠩᠭᠡᠶᠢᠯᠡᠨ

ᠬᠠᠤᠯᠢ ᠬᠡᠷᠡᠭᠵᠢᠬᠦᠯᠬᠦ  ᠳᠤ ᠬᠡᠷᠡᠭᠯᠡᠬᠦ ᠲᠡᠷᠭᠡᠨ ᠤ ᠡᠳᠦᠷ ᠲᠤᠳᠤᠮ  ᠤᠨ ᠬᠢᠨᠠᠨ ᠬᠠᠮᠢᠶᠠᠷᠤᠯᠳᠠ  ᠶᠢ ᠴᠢᠩᠭᠠᠳᠬᠠᠵᠦ᠂

ᠪᠦᠷᠢᠳᠭᠡᠬᠦ᠂ ᠨᠡᠶᠢᠳᠡᠯᠡᠬᠦ ᠵᠡᠷᠭᠡ ᠬᠠᠮᠢᠶᠠᠷᠤᠯᠳᠠ  ᠶᠢᠨ ᠲᠦᠷᠢᠮ  ᠢ ᠪᠠᠶᠢᠭᠤᠯᠤᠨ ᠪᠦᠷᠢᠨᠰᠢᠬᠦᠯᠦᠨ᠎ᠡ᠃ ᠤᠯᠤᠰ  ᠤᠨ

ᠠᠮᠤᠷ ᠲᠦᠪᠰᠢᠨ᠂ ᠮᠦᠷᠳᠡᠨ ᠪᠠᠶᠢᠴᠠᠭᠠᠵᠦ ᠬᠡᠷᠡᠭ ᠰᠢᠢᠳᠪᠤᠷᠢᠯᠡᠬᠦ ᠵᠡᠷᠭᠡ ᠨᠢᠭᠤᠴᠠ  ᠶᠢ ᠬᠠᠮᠠᠭᠠᠯᠠᠬᠤ ᠱᠠᠭᠠᠷᠳᠠᠯᠭ᠎ᠠ

 ᠲᠠᠢ ᠤᠨᠴᠠᠭᠠᠢ ᠠᠵᠢᠯ  ᠳᠤ ᠬᠡᠷᠡᠭᠯᠡᠬᠦ ᠠᠴᠠ ᠭᠠᠳᠠᠨᠠᠬᠢ ᠪᠤᠰᠤᠳ ᠬᠠᠤᠯᠢ ᠬᠡᠷᠡᠭᠵᠢᠬᠦᠯᠦᠨ ᠵᠢᠵᠢᠬᠦᠷᠯᠡᠬᠦ  ᠳᠤ

ᠬᠡᠷᠡᠭᠯᠡᠬᠦ ᠲᠡᠷᠭᠡ ᠪᠠ ᠶᠡᠷᠦᠩᠭᠡᠶᠢᠯᠡᠨ ᠬᠠᠤᠯᠢ ᠬᠡᠷᠡᠭᠵᠢᠬᠦᠯᠬᠦ  ᠳᠤ ᠬᠡᠷᠡᠭᠯᠡᠬᠦ ᠲᠡᠷᠭᠡ  ᠶᠢ ᠢᠯᠡᠳᠳᠡ ᠨᠢᠭᠡᠳᠦᠯᠳᠡᠢ

ᠲᠡᠮᠳᠡᠭ  ᠢᠶᠠᠷ ᠪᠤᠳᠤᠵᠦ᠂   ᠨᠡᠶᠢᠭᠡᠮ ᠤᠨ ᠬᠢᠨᠠᠯᠳᠠ ᠲᠠᠯᠪᠢᠬᠤ ᠪᠠ ᠲᠦᠪᠯᠡᠷᠡᠬᠦᠯᠦᠨ ᠬᠠᠮᠢᠶᠠᠷᠬᠤ  ᠳᠤ ᠲᠦᠬᠦᠮ

ᠪᠤᠯᠭᠠᠨ᠎ᠠ᠃

      ᠨᠠᠢᠮᠠᠳᠤᠭᠠᠷ ᠵᠤᠷᠪᠤᠰ     ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡᠨ ᠤ ᠲᠡᠷᠭᠡ  ᠶᠢᠨ

ᠰᠠᠬᠢᠯᠭ᠎ᠠ ᠪᠠᠳᠤ  ᠶᠢ ᠴᠢᠩᠭᠠᠯᠠᠵᠦ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠡ ᠨᠢ ᠤᠨᠴᠠᠭᠠᠢ ᠬᠡᠷᠡᠭᠯᠡᠬᠦ ᠰᠢᠯᠳᠠᠭ

 ᠢᠶᠠᠷ ᠬᠠᠤᠯᠢ ᠬᠡᠷᠡᠭᠵᠢᠬᠦᠯᠦᠨ ᠵᠢᠵᠢᠬᠦᠷᠯᠡᠬᠦ  ᠳᠤ ᠬᠡᠷᠡᠭᠯᠡᠬᠦ ᠲᠡᠷᠭᠡ  ᠶᠢ ᠤᠷᠤᠨ ᠲᠤᠭ᠎ᠠ  ᠠᠴᠠ ᠬᠡᠳᠦᠷᠡᠬᠦᠯᠦᠨ

ᠪᠠᠷᠢᠮᠵᠢᠶᠠᠨ  ᠠᠴᠠ ᠲᠠᠪᠠᠭᠤᠯᠤᠨ ᠲᠤᠬᠢᠷᠠᠭᠤᠯᠵᠦ ᠪᠤᠯᠬᠤ ᠦᠭᠡᠢ᠃ ᠰᠢᠨ᠎ᠡ ᠪᠠᠷ ᠬᠤᠳᠠᠯᠳᠤᠨ ᠠᠪᠬᠤ ᠲᠡᠷᠭᠡ ᠶᠢ

ᠡᠷᠭᠡᠪᠰᠢ ᠠᠯᠪᠠᠨ  ᠳᠤ ᠬᠡᠷᠡᠭᠯᠡᠬᠦ ᠲᠡᠷᠭᠡ  ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠤᠯᠪᠤᠭᠳᠠᠯ ᠪᠦᠬᠦᠢ

ᠭᠠᠷ ᠬᠦᠢᠴᠡᠳᠭᠡᠯ ᠬᠢᠯᠭᠡᠭᠰᠡᠨ  ᠤ ᠲᠠᠷᠠᠭ᠎ᠠ ᠬᠤᠳᠠᠯᠳᠤᠨ ᠠᠪᠴᠦ ᠪᠤᠯᠤᠨ᠎ᠠ᠂ ᠡᠰᠡ ᠲᠡᠶᠢᠮᠤ ᠪᠤᠯ ᠲᠤᠳᠤᠭᠠᠳᠦ  ᠶᠢ

ᠬᠠᠮᠠᠭᠠᠯᠠᠬᠤ ᠰᠠᠯᠠᠭ᠎ᠠ ᠮᠦᠴᠢᠷ ᠫᠠᠶᠢᠰᠠ ᠲᠠᠷᠬᠠᠭᠠᠵᠦ ᠪᠤᠯᠬᠤ ᠦᠭᠡᠢ᠂ ᠡᠳ᠋  ᠤᠨ ᠵᠠᠰᠠᠭ  ᠤᠨ ᠰᠠᠯᠠᠭ᠎ᠠ ᠮᠦᠴᠢᠷ

 ᠠᠴᠠ ᠵᠠᠷᠤᠳᠠᠯ ᠪᠠᠭᠤᠯᠭᠠᠵᠦ ᠪᠤᠯᠬᠤ ᠦᠭᠡᠢ᠃ ᠶᠠᠮᠠᠷᠪᠠ ᠰᠢᠯᠳᠠᠭ  ᠢᠶᠠᠷ ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ

ᠬᠡᠷᠡᠭᠯᠡᠬᠦ ᠲᠡᠷᠭᠡ ᠶᠢ ᠰᠢᠯᠵᠢᠬᠦᠯᠦᠨ ᠬᠡᠷᠡᠭᠯᠡᠬᠦ ᠪᠤᠶᠤ ᠬᠤᠪᠢ ᠬᠦᠮᠦᠨ  ᠳᠤ ᠲᠤᠭᠳᠠᠭᠠᠨ ᠬᠡᠷᠡᠭᠯᠡᠬᠦᠯᠵᠦ ᠪᠤᠯᠬᠤ ᠦᠭᠡᠢ

᠂   ᠶᠠᠮᠠᠷᠪᠠ ᠠᠷᠭ᠎ᠠ ᠬᠡᠯᠪᠡᠷᠢ ᠪᠠᠷ ᠪᠤᠰᠤᠳ ᠨᠢᠭᠡᠴᠡ ᠪᠤᠶᠤ ᠬᠠᠷᠢᠶᠠᠯᠠᠭᠳᠠᠬᠤ ᠨᠢᠭᠡᠴᠡ  ᠶᠢᠨ ᠬᠠᠤᠯᠢ ᠬᠡᠷᠡᠭᠵᠢᠬᠦᠯᠬᠦ

ᠵᠢᠵᠢᠬᠦᠷᠯᠡᠬᠦ  ᠳᠤ ᠬᠡᠷᠡᠭᠯᠡᠬᠦ ᠲᠡᠷᠭᠡ  ᠶᠢ ᠰᠤᠯᠢᠨ ᠬᠡᠷᠡᠭᠯᠡᠵᠦ᠂ ᠵᠢᠭᠡᠯᠡᠨ ᠬᠡᠷᠡᠭᠯᠡᠵᠦ ᠡᠵᠡᠯᠡᠨ ᠬᠡᠷᠡᠭᠯᠡᠵᠦ ᠪᠤᠯᠬᠤ

ᠦᠭᠡᠢ᠂ ᠠᠯᠪᠠᠨ ᠶᠠᠪᠤᠳᠠᠯ  ᠤᠨ ᠵᠠᠮ ᠬᠠᠷᠢᠯᠴᠠᠭᠠᠨ  ᠤ ᠰᠦᠢᠳᠭᠡᠯ ᠢ ᠠᠪᠤᠴᠢᠬᠠᠭᠠᠳ ᠪᠠᠰᠠ ᠲᠦᠷᠢᠮ  ᠢ

ᠵᠦᠷᠢᠴᠡᠨ ᠬᠠᠤᠯᠢ ᠬᠡᠷᠡᠭᠵᠢᠬᠦᠯᠬᠦ ᠵᠢᠵᠢᠬᠦᠷᠯᠡᠬᠦ  ᠳᠤ ᠬᠡᠷᠡᠭᠯᠡᠬᠦ ᠲᠡᠷᠭᠡᠨ  ᠳᠤ ᠰᠠᠭᠤᠵᠦ ᠪᠤᠯᠬᠤ ᠦᠭᠡᠢ᠃

      ᠶᠢᠰᠦᠳᠦᠭᠡᠷ ᠵᠤᠷᠪᠤᠰ     ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠲᠤᠪᠴᠢᠶ᠎ᠠ᠂

ᠡᠳ᠋  ᠤᠨ ᠵᠠᠰᠠᠭ  ᠤᠨ ᠲᠤᠪᠴᠢᠶ᠎ᠠ᠂   ᠬᠢᠨᠠᠨ ᠪᠤᠳᠤᠬᠤ ᠲᠤᠪᠴᠢᠶ᠎ᠠ ᠨᠢ ᠬᠠᠤᠯᠢ ᠬᠡᠷᠡᠭᠵᠢᠬᠦᠯᠬᠦ ᠵᠢᠵᠢᠬᠦᠷᠯᠡᠬᠦ ᠪᠠ

ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠵᠢᠵᠢᠬᠦᠷᠯᠡᠬᠦ ᠲᠡᠷᠭᠡ ᠲᠤᠬᠢᠷᠠᠭᠤᠯᠬᠤ ᠬᠡᠷᠡᠭᠯᠡᠬᠦ ᠪᠠ ᠵᠠᠮ ᠬᠠᠷᠢᠯᠴᠠᠭᠠᠨ  ᠤ

ᠨᠦᠬᠦᠪᠤᠷᠢ ᠪᠠᠭᠤᠯᠭᠠᠬᠤ ᠵᠡᠷᠭᠡ ᠦᠭᠡᠷᠡᠴᠢᠯᠡᠯᠳᠡ ᠶᠢᠨ ᠪᠠᠶᠢᠳᠠᠯ  ᠳᠤ ᠬᠢᠨᠠᠯᠳᠠ ᠪᠠᠶᠢᠴᠠᠭᠠᠯᠳᠠ ᠬᠢᠵᠦ᠂ ᠲᠦᠷᠢᠮ

ᠰᠠᠬᠢᠯᠭ᠎ᠠ  ᠶᠢ ᠵᠦᠷᠢᠴᠡᠭᠰᠡᠨ ᠠᠵᠢᠯᠯᠠᠭ᠎ᠠ  ᠶᠢ ᠵᠠᠯᠠᠷᠠᠭᠤᠯᠤᠨ ᠪᠠᠶᠢᠴᠠᠭᠠᠨ ᠰᠢᠢᠳᠪᠤᠷᠢᠯᠡᠬᠦ ᠬᠡᠷᠡᠭᠳᠡᠢ᠃

      ᠠᠷᠪᠠᠳᠤᠭᠠᠷ ᠵᠤᠷᠪᠤᠰ     ᠲᠤᠰ ᠠᠷᠭ᠎ᠠ  ᠶᠢ ᠰᠢᠯᠢ  ᠶᠢᠨ ᠭᠤᠤᠯ ᠠᠶᠢᠮᠠᠭ  ᠤᠨ ᠡᠳ᠋  ᠤᠨ ᠵᠠᠰᠠᠭ  ᠤᠨ

ᠲᠤᠪᠴᠢᠶ᠎ᠠ ᠪᠠ ᠰᠢᠯᠢ  ᠶᠢᠨ ᠭᠤᠤᠯ ᠠᠶᠢᠮᠠᠭ  ᠤᠨ ᠠᠯᠪᠠᠨ ᠲᠡᠷᠭᠡᠨ ᠤ ᠠᠯᠪᠠᠨ ᠬᠡᠷ ᠬᠠᠷᠢᠭᠤᠴᠠᠨ ᠲᠠᠶᠢᠯᠪᠤᠷᠢᠯᠠᠨ᠎ᠠ᠃

    ᠠᠷᠪᠠᠨ ᠨᠢᠭᠡᠳᠦᠭᠡᠷ ᠵᠤᠷᠪᠤᠰ     ᠲᠤᠰ ᠠᠷᠭ᠎ᠠ  ᠶᠢ ᠨᠡᠶᠢᠳᠡᠯᠡᠭᠰᠡᠨ ᠡᠳᠦᠷ  ᠠᠴᠠ ᠡᠬᠢᠯᠡᠵᠦ

ᠬᠡᠷᠡᠭᠵᠢᠬᠦᠯᠦᠨ᠎ᠡ᠃

     中共锡盟委办公厅    锡盟行署办公厅

     关于印发《锡林郭勒盟公务用车制度改革

     实施方案》的通知

     锡党办发〔2016〕18号

 
ᠢᠷᠡᠯᠲᠡ᠄ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ ᠠᠯᠪᠠᠨ ᠲᠢᠩᠬᠢᠮ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号