ᠥᠪᠥᠷ ᠵᠠᠰᠠᠭ ᠠᠯᠪᠠᠨ ᠲᠠᠷᠬᠠᠭᠠᠭᠰᠠᠨ ﹇2015﹈ 109 ᠳ᠋ᠤᠭᠡᠷ ᠲᠤᠭᠠᠳᠤ | 10 ᠳ᠋ᠤᠭᠠᠷ ᠰᠠᠷ᠎ᠠ ᠶᠢᠨ 13 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ | ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ ᠳᠤ᠄ | 2015 ᠤᠨ ᠤ 10 ᠳ᠋ᠤᠭᠠᠷ ᠰᠠᠷ᠎ᠠ ᠶᠢᠨ 9 ᠤ ᠡᠳᠦᠷ᠂ ᠰᠢᠯᠢ ᠶᠢᠨ ᠭᠤᠤᠯ ᠠᠶᠢᠮᠠᠭ ᠤᠨ ᠲᠤᠯᠤᠨᠨᠠᠭᠤᠷ | ᠵᠢᠭᠤᠯᠴᠢᠯᠠᠯ ᠤᠨ ᠤᠷᠤᠨ ᠢ ᠤᠯᠤᠰ ᠤᠨ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠳᠡ ᠶᠢᠨ ᠶᠠᠰᠤ ᠴᠢᠨᠠᠷ ᠢ | ᠦᠨᠡᠯᠡᠨ ᠲᠤᠭᠳᠠᠭᠠᠬᠤ ᠺᠤᠮᠢᠰ ᠠᠴᠠ 4A ᠲᠡᠰ ᠤᠨ ᠬᠢᠷᠢ ᠴᠢᠳᠠᠮᠵᠢ ᠶᠢ ᠭᠦᠴᠦᠨ ᠦᠬᠡᠢ ᠪᠤᠯᠭᠠᠪᠠ᠂ ᠡᠨᠡ ᠨᠢ | ᠤᠯᠤᠰ ᠤᠨ ᠵᠢᠭᠤᠯᠴᠢᠯᠠᠯ ᠤᠨ ᠲᠤᠪᠴᠢᠶ᠎ᠠ ᠠᠴᠠ A ᠲᠡᠰ ᠤᠨ ᠦᠵᠡᠮᠵᠢ ᠶᠢᠨ ᠤᠷᠤᠨ ᠤ ᠬᠦᠳᠡᠯᠦᠩᠬᠦᠢ | ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠤᠭᠰᠠᠨ ᠤ ᠲᠠᠷᠠᠭ᠎ᠠ ᠮᠠᠨ ᠤ ᠤᠷᠤᠨ ᠯᠤᠭ᠎ᠠ ᠬᠤᠯᠪᠤᠭᠳᠠᠭᠰᠠᠨ | ᠠᠩᠬᠠᠳᠤᠭᠠᠷ ᠭᠡᠷᠡᠭ ᠪᠤᠯᠤᠨ᠎ᠠ᠃ ᠲᠤᠯᠤᠨᠨᠠᠭᠤᠷ ᠤᠨ ᠠᠰᠠᠭᠤᠳᠠᠯ ᠲᠤᠮᠳᠠ ᠢᠯᠡᠷᠡᠭᠰᠡᠨ ᠦᠵᠡᠮᠵᠢ ᠶᠢᠨ ᠤᠷᠤᠨ ᠤ | ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠠᠰᠠᠭᠤᠳᠠᠯ ᠨᠢ ᠮᠠᠨ ᠤ ᠤᠷᠤᠨ ᠤ ᠪᠤᠰᠤᠳ A ᠲᠡᠰ ᠤᠨ | ᠦᠵᠡᠮᠵᠢ ᠶᠢᠨ ᠤᠷᠤᠨ ᠳᠤ ᠮᠦᠨ ᠨᠡᠶᠢᠳᠡᠮ ᠤᠷᠤᠰᠢᠵᠤ ᠪᠠᠶᠢᠨ᠎ᠠ᠂ ᠡᠭᠦᠨ ᠤ ᠬᠠᠮᠳᠤ ᠡᠮᠬᠢ ᠲᠢᠭᠯᠢᠮ᠂ | ᠦᠢᠯᠡᠴᠢᠯᠡᠭᠡ᠂ ᠵᠢᠭᠤᠯᠴᠢᠯᠠᠭᠴᠢᠳ ᠢ ᠮᠡᠭᠡᠯᠡᠨ ᠬᠠᠭᠤᠷᠬᠤ ᠵᠡᠷᠭᠡ ᠪᠤᠰᠤᠳ ᠲᠠᠯ᠎ᠠ ᠶᠢᠨ ᠠᠰᠠᠭᠤᠳᠠᠯ ᠪᠠᠰᠠ | ᠤᠷᠤᠰᠢᠵᠤ ᠪᠤᠢ᠃ ᠪᠦᠬᠦ ᠤᠷᠤᠨ ᠤ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠬᠠᠮᠢᠶᠠᠷᠤᠯᠳᠠ ᠶᠢ | ᠤᠯᠠᠮ ᠨᠢᠬᠡ ᠠᠯᠬᠤᠮ ᠴᠢᠩᠭᠠᠳᠬᠠᠬᠤ ᠶᠢᠨ ᠲᠤᠰᠠᠳᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠠᠴᠠ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠴᠡᠭᠴᠡᠯᠡᠨ ᠵᠠᠰᠠᠬᠤ ᠠᠵᠢᠯᠯᠠᠭ᠎ᠠ | ᠦᠷᠨᠢᠬᠦᠯᠬᠦ ᠪᠠᠷ ᠲᠤᠭᠳᠠᠵᠤ᠂ ᠡᠳᠦᠭᠡ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ A ᠲᠡᠰ ᠤᠨ | ᠵᠢᠭᠤᠯᠴᠢᠯᠠᠯ ᠤᠨ ᠦᠵᠡᠮᠵᠢ ᠶᠢᠨ ᠤᠷᠤᠨ ᠢ ᠴᠡᠭᠴᠡᠯᠡᠨ ᠵᠠᠰᠠᠬᠤ ᠬᠤᠶᠠᠷ ᠵᠢᠯ ᠤᠨ ᠠᠵᠢᠯᠯᠠᠭᠠᠨ ᠤ ᠲᠦᠯᠦᠪᠯᠡᠭᠡ︾ | ᠶᠢ ᠲᠠᠨᠠᠷ ᠲᠤ ᠲᠠᠷᠤᠮᠠᠯᠯᠠᠨ ᠶᠠᠪᠤᠭᠤᠯᠬᠤ ᠶᠢᠨ ᠲᠠᠭᠠᠤ ᠲᠤᠤᠷᠠᠬᠢ ᠱᠠᠭᠠᠷᠳᠠᠯᠭ᠎ᠠ ᠲᠤᠷᠠᠳᠪᠠ᠂ ᠬᠠᠮᠳᠤ ᠳᠤᠨᠢ | ᠲᠤᠤᠱᠯᠠᠭᠤᠯᠤᠨ ᠭᠡᠷᠡᠭᠵᠢᠬᠦᠯᠳᠦᠬᠡᠢ᠃ | ᠨᠢᠬᠡ᠂ ᠰᠢᠯᠢ ᠶᠢᠨ ᠭᠤᠤᠯ ᠠᠶᠢᠮᠠᠭ ᠲᠠᠷᠦ᠋ᠢᠬᠠᠨ ᠲᠤᠯᠤᠨᠨᠠᠭᠤᠷ ᠤᠨ ᠠᠰᠠᠭᠤᠳᠠᠯ ᠢ ᠰᠢᠢᠳᠪᠦᠷᠢᠯᠡᠬᠦ ᠰᠠᠨᠠᠯ | ᠲᠤᠷᠠᠳᠤᠨ᠂ ᠬᠠᠮᠢᠶ᠎ᠠ ᠪᠦᠬᠦᠢ ᠬᠠᠷᠢᠭᠤᠴᠠᠯᠭᠠᠳᠠᠨ ᠢ ᠰᠠᠬᠢᠯᠭ᠎ᠠ ᠪᠠᠳᠤ ᠶᠤᠰᠤᠭᠠᠷ ᠴᠢᠩᠭ᠎ᠠ ᠰᠢᠢᠳᠪᠦᠷᠢᠯᠡᠬᠦ ᠭᠡᠷᠡᠭᠳᠡᠢ᠃ | ᠡᠭᠦᠨ ᠤ ᠬᠠᠮᠳᠤ ᠲᠠᠷᠦ᠋ᠢᠬᠠᠨ ᠪᠦᠬᠦ ᠠᠶᠢᠮᠠᠭ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ | ᠴᠡᠭᠴᠡᠯᠡᠨ ᠵᠠᠰᠠᠬᠤ ᠠᠵᠢᠯ ᠢ ᠦᠷᠨᠢᠬᠦᠯᠬᠦ ᠭᠡᠷᠡᠭᠳᠡᠢ᠃ | ᠬᠤᠶᠠᠷ᠂ ᠡᠯ᠎ᠡ ᠠᠶᠢᠮᠠᠭ ᠬᠤᠳᠠ ᠨᠢ ᠡᠭᠦᠨ ᠢᠶᠠᠷ ᠰᠡᠷᠡᠮᠵᠢᠬᠦᠯᠦᠯ ᠪᠤᠯᠭᠠᠵᠤ᠂ ᠨᠢᠬᠡ ᠠᠴᠠ ᠵᠦᠢᠴᠢᠯᠡᠵᠤ | ᠨᠦᠬᠦᠭᠡ ᠶᠢ ᠮᠡᠳᠡᠨ᠂ ᠲᠤᠰ ᠭᠠᠵᠠᠷ ᠤᠷᠤᠨ ᠤ ᠪᠠᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ | ᠴᠡᠭᠴᠡᠯᠡᠨ ᠵᠠᠰᠠᠬᠤ ᠰᠠᠨᠠᠯ ᠢ ᠲᠤᠷᠠᠳᠴᠤ᠂ ᠴᠡᠭᠴᠡᠯᠡᠨ ᠵᠠᠰᠠᠬᠤ ᠲᠦᠰᠦᠯ ᠲᠤᠭᠳᠠᠭᠠᠵᠤ᠂ ᠴᠡᠭᠴᠡᠯᠡᠨ ᠵᠠᠰᠠᠬᠤ | ᠡᠷᠴᠢᠮ ᠢᠶᠠᠨ ᠴᠢᠩᠭᠠᠷᠠᠭᠤᠯᠤᠨ᠂ ᠵᠢᠭᠤᠯᠴᠢᠯᠠᠯ ᠤᠨ ᠦᠵᠡᠮᠵᠢ ᠶᠢᠨ ᠤᠷᠤᠨ ᠤ ᠬᠠᠮᠢᠶᠠᠷᠤᠯᠳᠠ ᠪᠤᠯᠤᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠡᠢ᠃ | ᠭᠤᠷᠪᠠ᠂ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠪᠴᠢᠶ᠎ᠠ ᠨᠢ ᠪᠦᠬᠦ ᠤᠷᠤᠨ ᠤ A | ᠲᠡᠰ ᠤᠨ ᠵᠢᠭᠤᠯᠴᠢᠯᠠᠯ ᠤᠨ ᠤᠷᠤᠨ ᠳᠤ ᠲᠤᠰᠬᠠᠢ ᠲᠦᠷᠦᠯ ᠤᠨ ᠴᠡᠭᠴᠡᠯᠡᠨ ᠵᠠᠰᠠᠯᠳᠠ ᠶᠢ ᠵᠤᠬᠢᠶᠠᠨ ᠪᠠᠶᠢᠭᠤᠯᠵᠤ | ᠦᠷᠨᠢᠬᠦᠯᠬᠦ ᠭᠡᠷᠡᠭᠳᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠵᠤ᠂ ᠵᠢᠭᠤᠯᠴᠢᠯᠠᠯ ᠤᠨ ᠦᠵᠡᠮᠵᠢ ᠶᠢᠨ | ᠤᠷᠤᠨ ᠤ ᠲᠦᠯᠦᠪᠵᠢᠬᠦᠯᠦᠨ ᠪᠦᠳᠦᠭᠡᠨ ᠪᠠᠶᠢᠭᠤᠯᠬᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠪᠠ | ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠪᠠᠷ ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠤᠨ᠂ ᠲᠤᠰᠬᠠᠢ | ᠲᠦᠷᠦᠯ ᠤᠨ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠤ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ | ᠵᠢᠭᠤᠯᠴᠢᠯᠠᠯ ᠤᠨ ᠦᠵᠡᠮᠵᠢ ᠶᠢᠨ ᠤᠷᠤᠨ ᠳᠤ ᠤᠷᠤᠰᠢᠵᠤ ᠪᠠᠶᠢᠭ᠎ᠠ ᠪᠤᠵᠠᠷ ᠰᠠᠮᠠᠭᠤᠨ ᠪᠠᠷᠤᠭᠳᠠᠢ᠂ | ᠦᠢᠯᠡᠴᠢᠯᠡᠭᠡᠨ ᠤ ᠬᠢᠷᠢ ᠬᠡᠮᠵᠢᠶ᠎ᠡ ᠲᠤᠤᠷ᠎ᠠ ᠪᠠᠶᠢᠭ᠎ᠠ ︽ᠠᠷᠬᠠᠭ ᠬᠡᠮ︾ ᠢ ᠦᠨᠳᠦᠰᠦᠨ ᠠᠴᠠ ᠨᠢ ᠠᠷᠢᠯᠭᠠᠵᠤ | ᠪᠠᠶᠢᠭᠠᠳ ᠪᠦᠬᠦ ᠤᠷᠤᠨ ᠤ ᠵᠢᠭᠤᠯᠴᠢᠯᠠᠯ ᠤᠨ ᠦᠵᠡᠮᠵᠢ ᠶᠢᠨ ᠤᠷᠤᠨ ᠤ ᠤᠷᠴᠢᠨ ᠲᠤᠭᠤᠷᠢᠨ ᠤ ᠶᠠᠰᠤ ᠴᠢᠨᠠᠷ | ᠪᠤᠯᠤᠨ ᠦᠢᠯᠡᠴᠢᠯᠡᠭᠡᠨ ᠤ ᠬᠢᠷᠢ ᠬᠡᠮᠵᠢᠶ᠎ᠡ ᠵᠡᠷᠭᠡ ᠲᠠᠯ᠎ᠠ ᠪᠠᠷ ᠰᠢᠨ᠎ᠡ ᠲᠡᠭᠡᠭᠰᠢᠯᠡᠯᠳᠡ ᠲᠠᠢ ᠪᠤᠯᠭᠠᠬᠤ ᠭᠡᠷᠡᠭᠳᠡᠢ᠃ | | ᠪᠦᠬᠦ ᠤᠷᠤᠨ ᠤ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠲᠤᠬᠠᠶᠢᠯᠠᠭᠰᠠᠨ ᠠᠵᠢᠯ ᠤᠨ | ᠪᠤᠯᠪᠠᠰᠤᠷᠠᠭᠤᠯᠤᠯ ᠢ ᠵᠤᠬᠢᠶᠠᠨ ᠪᠠᠶᠢᠭᠤᠯᠤᠨ ᠦᠷᠨᠢᠬᠦᠯᠬᠦ ᠭᠡᠷᠡᠭᠳᠡᠢ᠃ ᠨᠢᠬᠡ ᠵᠢᠯ ᠤᠨ ᠴᠠᠭ ᠢ ᠠᠰᠢᠭᠯᠠᠵᠤ᠂ ᠪᠦᠬᠦ | ᠤᠷᠤᠨ ᠤ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠲᠤᠮᠳᠠ ᠲᠡᠭᠡᠳᠤ ᠲᠡᠰ ᠤᠨ | ᠬᠠᠮᠢᠶᠠᠷᠤᠯᠳᠠ ᠶᠢᠨ ᠠᠵᠢᠯᠳᠠᠨ ᠳᠤ ᠪᠦᠬᠦ ᠭᠡᠰᠢᠭᠦᠳ ᠤᠨ ᠪᠤᠯᠪᠠᠰᠤᠷᠠᠭᠤᠯᠤᠯ ᠬᠦᠷᠳᠡᠭᠡᠵᠤ᠂ ᠤᠯᠤᠰ ᠤᠨ | ᠲᠤᠳᠤᠭᠠᠳᠤᠬᠢ ᠵᠢᠭᠤᠯᠴᠢᠯᠠᠯ ᠤᠨ ᠲᠤᠰᠬᠠᠢ ᠮᠡᠷᠭᠡᠵᠢᠯᠳᠡᠨ ᠪᠤᠯᠤᠨ ᠨᠡᠷ᠎ᠡ ᠠᠯᠳᠠᠷᠳᠠᠢ ᠦᠵᠡᠮᠵᠢ ᠶᠢᠨ ᠤᠷᠤᠨ ᠤ | ᠲᠡᠭᠡᠳᠤ ᠲᠡᠰ ᠤᠨ ᠬᠠᠮᠢᠶᠠᠷᠤᠯᠳᠠᠨ ᠢ ᠤᠷᠢᠨ ᠠᠪᠴᠢᠷᠠᠵᠤ᠂ ︽ᠵᠢᠭᠤᠯᠴᠢᠯᠠᠯ ᠤᠨ ᠦᠵᠡᠮᠵᠢ ᠶᠢᠨ ᠤᠷᠤᠨ ᠤ ᠶᠠᠰᠤ | ᠴᠢᠨᠠᠷ ᠵᠡᠷᠭᠡ ᠲᠡᠰ ᠤᠨ ᠬᠤᠪᠢᠶᠠᠷᠢᠯᠠᠯᠳᠠ ᠬᠢᠬᠡᠳ ᠰᠢᠯᠭᠠᠨ ᠲᠤᠭᠳᠠᠭᠠᠯᠳᠠ︾ ︵ᠤᠯᠤᠰ ᠤᠨ ᠪᠠᠷᠢᠮᠵᠢᠶ᠎ᠠ︶ ᠶᠢᠨ | ᠲᠤᠰᠬᠠᠢ ᠰᠡᠳᠤᠪᠳᠤ ᠲᠠᠶᠢᠯᠤᠮᠵᠢ ᠬᠢᠵᠤ᠂ ᠤᠯᠤᠰ ᠤᠨ ᠲᠤᠳᠤᠷ᠎ᠠ ᠭᠠᠳᠠᠨᠠᠬᠢ ᠵᠢᠭᠤᠯᠴᠢᠯᠠᠯ ᠤᠨ ᠦᠵᠡᠮᠵᠢ ᠶᠢᠨ | ᠤᠷᠤᠨ ᠤ ᠪᠦᠳᠦᠭᠡᠨ ᠪᠠᠶᠢᠭᠤᠯᠤᠯᠳᠠ᠂ ᠬᠠᠮᠢᠶᠠᠷᠤᠯᠳᠠ ᠶᠢᠨ ᠲᠡᠷᠢᠭᠦᠨ ᠤ ᠲᠤᠷᠰᠢᠯᠭ᠎ᠠ ᠪᠤᠯᠤᠨ ᠠᠮᠵᠢᠯᠳᠠ ᠲᠠᠢ | ᠠᠷᠭ᠎ᠠ ᠪᠠᠷᠢᠯ ᠢ ᠲᠠᠨᠢᠯᠴᠠᠭᠤᠯᠬᠤ ᠶᠢᠨ ᠬᠠᠮᠳᠤ᠂ ᠪᠦᠬᠦ ᠤᠷᠤᠨ ᠤ 3A ᠲᠡᠰ ᠠᠴᠠ ᠲᠡᠭᠡᠭᠰᠢᠬᠢ ᠵᠢᠭᠤᠯᠴᠢᠯᠠᠯ ᠤᠨ | ᠦᠵᠡᠮᠵᠢ ᠶᠢᠨ ᠤᠷᠤᠨ ᠤ ᠬᠠᠮᠢᠶᠠᠷᠤᠯᠳᠠ ᠶᠢᠨ ᠠᠵᠢᠯᠳᠠᠨ ᠢ ᠤᠷᠤᠨ ᠤ ᠭᠠᠳᠠᠨᠠᠬᠢ ᠠᠯᠳᠠᠷᠳᠠᠢ ᠵᠢᠭᠤᠯᠴᠢᠯᠠᠯ ᠤᠨ | ᠦᠵᠡᠮᠵᠢ ᠶᠢᠨ ᠤᠷᠤᠨ ᠳᠤ ᠲᠤᠭᠤᠷᠢᠨ ᠰᠤᠷᠤᠯᠴᠠᠭᠤᠯᠵᠤ᠂ ᠪᠦᠬᠦ ᠤᠷᠤᠨ ᠤ A ᠲᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠤ ᠬᠠᠷᠢᠯᠴᠠᠨ ᠲᠤᠭᠤᠷᠢᠨ ᠰᠤᠷᠤᠯᠴᠠᠬᠤ ᠶᠢ ᠵᠤᠬᠢᠶᠠᠨ ᠪᠠᠶᠢᠭᠤᠯᠬᠤ ᠭᠡᠷᠡᠭᠳᠡᠢ᠃ A ᠲᠡᠰ ᠤᠨ | ᠵᠢᠭᠤᠯᠴᠢᠯᠠᠯ ᠤᠨ ᠦᠵᠡᠮᠵᠢ ᠶᠢᠨ ᠤᠷᠤᠨ ᠤ ᠰᠢᠯᠭᠠᠨ ᠲᠤᠭᠳᠠᠭᠠᠯᠳᠠ ᠪᠠ ᠲᠡᠬᠢᠨ ᠬᠢᠨᠠᠯᠳᠠ ᠬᠢᠬᠦ ᠶᠢ | ᠴᠢᠩᠭᠠᠳᠬᠠᠬᠤ ᠭᠡᠷᠡᠭᠳᠡᠢ᠃ | A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠰᠢᠯᠭᠠᠨ ᠲᠤᠭᠳᠠᠭᠠᠯᠳᠠ ᠪᠠ ᠲᠡᠬᠢᠨ ᠬᠢᠨᠠᠬᠤ | ᠠᠵᠢᠯ ᠤᠨ ᠵᠢᠷᠤᠮᠵᠢᠯ ᠪᠠ ᠲᠡᠰ ᠲᠠᠷᠠᠭᠠᠯᠠᠯ ᠢ ᠤᠯᠠᠮ ᠨᠢᠬᠡ ᠠᠯᠬᠤᠮ ᠲᠡᠭᠦᠯᠳᠡᠷᠵᠢᠬᠦᠯᠵᠤ᠂ ᠤᠯᠤᠰ ᠤᠨ ᠪᠠᠷᠢᠮᠵᠢᠶ᠎ᠠ | ᠶᠤᠰᠤᠭᠠᠷ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠰᠢᠯᠭᠠᠨ ᠲᠤᠭᠳᠠᠭᠠᠯᠳᠠ ᠪᠠ ᠲᠠᠬᠢᠨ ᠬᠢᠨᠠᠯᠳᠠ | ᠬᠢᠬᠦ ᠠᠵᠢᠯ ᠢ ᠵᠤᠬᠢᠶᠠᠨ ᠪᠠᠶᠢᠭᠤᠯᠬᠤ ᠭᠡᠷᠡᠭᠳᠡᠢ᠃ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ | ᠰᠢᠯᠭᠠᠨ ᠲᠤᠭᠳᠠᠭᠠᠯᠭᠠᠬᠤ ᠪᠠᠷ ᠮᠡᠳᠡᠬᠦᠯᠬᠦ ᠳᠤ ᠡᠭᠦᠳᠤᠨ ᠪᠠᠶᠢᠭᠤᠯᠬᠤ ᠵᠢᠯᠤᠭᠤᠳᠤᠯᠭ᠎ᠠ ᠪᠠᠨ ᠴᠢᠩᠭᠠᠷᠠᠭᠤᠯᠵᠤ᠂ | ᠤᠯᠤᠰ ᠤᠨ ᠪᠠᠷᠢᠮᠵᠢᠶ᠎ᠠ ᠪᠠᠷ ᠬᠠᠷᠢᠴᠠᠭᠤᠯᠤᠨ᠂ ᠦᠵᠡᠮᠵᠢ ᠶᠢᠨ ᠤᠷᠤᠨ ᠢ ᠵᠢᠯᠤᠭᠤᠳᠤᠨ ᠦᠷᠬᠦᠯᠵᠢᠯᠡᠨ | ᠵᠢᠷᠤᠮᠵᠢᠭᠤᠯᠤᠨ ᠪᠠᠷᠢᠮᠵᠢᠶ᠎ᠠ ᠳᠤ ᠬᠦᠷᠤᠬᠦᠯᠵᠤ᠂ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠭᠦᠷᠤᠭ᠍ᠰᠡᠨ ᠦᠬᠡᠢ | ᠪᠠᠶᠢᠪᠠᠯ ᠰᠢᠯᠭᠠᠨ ᠲᠤᠬᠳᠠᠭᠠᠯᠳᠠ ᠬᠢᠬᠦ ᠦᠬᠡᠢ᠃ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ | ᠲᠡᠬᠢᠨ ᠬᠢᠨᠠᠯᠳᠠ ᠬᠢᠬᠦ ᠶᠢ ᠴᠢᠩᠭᠠᠳᠬᠠᠵᠤ᠂ ᠪᠠᠶᠢᠩᠭᠤ ᠶᠢᠨ ᠲᠡᠬᠢᠨ ᠬᠢᠨᠠᠯᠳᠠ ᠬᠢᠵᠤ ᠪᠠᠶᠢᠴᠠᠭᠠᠬᠤ ᠪᠠ | ᠨᠢᠭᠤᠴᠠ ᠪᠠᠷ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠲᠡᠬᠢᠨ ᠬᠢᠨᠠᠬᠤ ᠠᠵᠢᠯ ᠤᠨ ᠲᠤᠭᠳᠠᠴᠠ ᠶᠢ | ᠪᠠᠶᠢᠭᠤᠯᠵᠤ᠂ ᠲᠠᠬᠢᠨ ᠬᠢᠨᠠᠯᠳᠠ ᠬᠢᠬᠦ ᠳᠤ ᠢᠯᠡᠷᠡᠭᠦᠯᠦᠭᠰᠡᠨ ᠠᠰᠠᠭᠤᠳᠠᠯ ᠲᠠᠢ ᠵᠢᠭᠤᠯᠴᠢᠯᠠᠯ ᠤᠨ ᠦᠵᠡᠮᠵᠢ ᠶᠢᠨ | ᠤᠷᠤᠨ ᠳᠤ ᠴᠡᠭᠴᠡᠯᠡᠨ ᠵᠠᠰᠠᠬᠤ ᠰᠠᠨᠠᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠲᠤᠭᠳᠠᠭᠠᠨ ᠴᠡᠭᠴᠡᠯᠡᠨ | ᠵᠠᠰᠠᠭᠤᠯᠬᠤ ᠭᠡᠷᠡᠭᠳᠡᠢ︔ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠵᠠᠰᠠᠭᠠᠳ ᠮᠦᠨ ᠪᠡᠷᠢᠮᠵᠢᠶ᠎ᠠ ᠳᠤ | ᠬᠦᠷᠤᠭ᠍ᠰᠡᠨ ᠦᠬᠡᠢ ᠦᠵᠡᠮᠵᠢ ᠶᠢᠨ ᠤᠷᠤᠨ ᠳᠤ ᠪᠢᠴᠢᠭ ᠤᠨ ᠰᠡᠷᠡᠮᠵᠢ ᠦᠭᠬᠦ᠂ ᠵᠡᠷᠭᠡ ᠲᠡᠰ ᠢ ᠨᠢ ᠪᠠᠭᠤᠷᠠᠭᠤᠯᠬᠤ | ᠪᠤᠶᠤ ᠬᠦᠴᠦᠨ ᠦᠬᠡᠢ ᠪᠤᠯᠭᠠᠬᠤ ᠰᠢᠳᠭᠡᠯ ᠲᠤᠷᠭᠠᠭᠤᠯᠢ ᠦᠭᠬᠦ ᠭᠡᠷᠡᠭᠳᠡᠢ᠃ | A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠠᠴᠠ ᠭᠠᠷᠭᠠᠬᠤ ᠲᠤᠭᠳᠠᠴᠠ ᠶᠢ ᠪᠠᠶᠢᠭᠤᠯᠬᠤ | ᠭᠡᠷᠡᠭᠳᠡᠢ᠃ ᠡᠳᠦᠷ ᠲᠤᠳᠤᠮ ᠤᠨ ᠡᠵᠡᠩᠨᠡᠯᠳᠡ ᠲᠤᠮᠳᠠ ᠢᠯᠡᠷᠡᠭᠰᠡᠨ ᠴᠢᠬᠤᠯᠠ ᠶᠡᠭᠡ ᠠᠮᠤᠷ ᠲᠦᠪᠰᠢᠨ ᠤ ᠠᠳᠡᠯ ᠪᠠ | ᠦᠢᠯᠡᠴᠢᠯᠡᠭᠡᠨ ᠤ ᠶᠠᠰᠤ ᠴᠢᠨᠠᠷ ᠤᠨ ᠠᠳᠡᠯ ᠲᠠᠢ᠂ ᠵᠢᠭᠤᠯᠴᠢᠯᠠᠭᠴᠢᠳ ᠤᠨ ᠵᠠᠭᠠᠯᠳᠤᠯᠭ᠎ᠠ ᠨᠡᠯᠢᠶᠡᠳ ᠠᠷᠪᠢᠨ᠂ | ᠨᠡᠶᠢᠭᠡᠮ ᠤᠨ ᠲᠤᠰᠬᠠᠯᠳᠠ ᠨᠡᠯᠢᠶᠡᠳ ᠤᠯᠠᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠵᠢᠴᠢ ᠲᠡᠬᠢᠨ | ᠬᠢᠨᠠᠯᠳᠠ ᠬᠢᠬᠦ ᠲᠤᠮᠳᠠ ᠤᠷᠤᠰᠢᠵᠤ ᠪᠠᠶᠢᠭ᠎ᠠ ᠠᠰᠠᠭᠤᠳᠠᠯ ᠨᠡᠯᠢᠶᠡᠳ ᠤᠯᠠᠨ ᠪᠠᠶᠢᠭ᠎ᠠ ᠳᠤᠨᠢ ᠪᠢᠴᠢᠭ ᠤᠨ ᠰᠡᠷᠡᠮᠵᠢ | ᠦᠭᠴᠤ᠂ ᠬᠤᠭᠤᠴᠠᠭ᠎ᠠ ᠲᠤᠭᠳᠠᠭᠠᠨ ᠴᠡᠭᠴᠡᠯᠡᠭᠡᠳ ᠮᠦᠨ ᠪᠠᠷᠢᠮᠵᠢᠶ᠎ᠠ ᠳᠤ ᠬᠦᠷᠤᠭ᠍ᠰᠡᠨ ᠦᠬᠡᠢ A ᠲᠡᠰ ᠤᠨ | ᠵᠢᠭᠤᠯᠴᠢᠯᠠᠯ ᠤᠨ ᠦᠵᠡᠮᠵᠢ ᠶᠢᠨ ᠤᠷᠤᠨ ᠳᠤ᠂ ᠤᠯᠤᠰ ᠤᠨ ᠪᠠᠷᠢᠮᠵᠢᠶ᠎ᠠ ᠪᠠ A ᠲᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠤ ᠰᠢᠯᠭᠠᠨ ᠲᠤᠭᠳᠠᠭᠠᠯᠳᠠ ᠪᠤᠯᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠲᠤᠭᠳᠠᠭᠠᠯ | ᠶᠤᠰᠤᠭᠠᠷ ᠵᠡᠷᠭᠡ ᠲᠡᠰ ᠢ ᠨᠢ ᠡᠷᠡᠰ ᠬᠦᠴᠦᠨ ᠦᠬᠡᠢ ᠪᠤᠯᠭᠠᠬᠤ ᠭᠡᠷᠡᠭᠳᠡᠢ᠃ ᠵᠡᠷᠭᠡ ᠲᠡᠰ ᠢ ᠨᠢ ᠭᠦᠴᠦᠨ ᠦᠬᠡᠢ | ᠪᠤᠯᠭᠠᠭᠰᠠᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠨᠢᠬᠡ ᠵᠢᠯ ᠤᠨ ᠲᠤᠳᠤᠷ᠎ᠠ ᠵᠡᠷᠭᠡ ᠲᠡᠰ ᠰᠢᠯᠭᠠᠨ | ᠲᠤᠭᠳᠠᠭᠠᠯᠭᠠᠬᠤ ᠪᠠᠷ ᠲᠡᠬᠢᠨ ᠮᠡᠳᠡᠬᠦᠯᠵᠤ ᠪᠤᠯᠬᠤ ᠦᠬᠡᠢ᠃ | A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠱᠠᠩᠨᠠᠨ ᠲᠤᠷᠭᠠᠬᠤ ᠲᠤᠭᠳᠠᠴᠠ ᠶᠢ | ᠪᠠᠶᠢᠭᠤᠯᠬᠤ ᠭᠡᠷᠡᠭᠳᠡᠢ᠃ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠵᠤ | ᠬᠠᠮᠢᠶᠠᠷᠬᠤ ᠲᠠᠯ᠎ᠠ ᠳᠠᠬᠢ ᠡᠯ᠎ᠡ ᠱᠠᠳᠤᠨ ᠤ ᠵᠠᠰᠠᠭ ᠤᠨ ᠤᠷᠳᠤᠨ ᠪᠠ ᠵᠢᠭᠤᠯᠴᠢᠯᠠᠯ ᠤᠨ ᠠᠵᠤ ᠠᠬᠤᠶᠢᠯᠠᠯ ᠤᠨ | ᠬᠠᠷᠢᠭᠤᠴᠠᠯᠭ᠎ᠠ ᠶᠢ ᠴᠢᠩᠭᠠᠳᠬᠠᠵᠤ᠂ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠡᠭᠦᠳᠦᠨ | ᠪᠠᠶᠢᠭᠤᠯᠬᠤ ᠪᠠ ᠰᠢᠯᠭᠠᠨ ᠲᠤᠭᠳᠠᠭᠠᠯᠳᠠ ᠬᠢᠭᠰᠡᠨ ᠢᠶᠠᠷ ᠠᠮᠵᠢᠯᠳᠠ ᠪᠦᠳᠦᠮᠵᠢ ᠲᠤᠪᠤᠶᠢᠮ᠎ᠠ᠂ A ᠲᠡᠰ ᠤᠨ | ᠵᠢᠭᠤᠯᠴᠢᠯᠠᠯ ᠤᠨ ᠦᠵᠡᠮᠵᠢ ᠶᠢᠨ ᠤᠷᠤᠨ ᠤ ᠲᠤᠭ᠎ᠠ ᠬᠡᠮᠵᠢᠶ᠎ᠡ ᠵᠢᠯ ᠲᠡᠷᠠᠭᠠᠯᠠᠨ ᠨᠡᠮᠡᠭᠳᠡᠵᠤ ᠪᠠᠶᠢᠭ᠎ᠠ ᠠᠶᠢᠮᠠᠭ | ᠬᠤᠳᠠ ᠵᠢᠴᠢ ᠲᠡᠬᠢᠨ ᠬᠢᠨᠠᠯᠳᠠ ᠬᠢᠬᠦ ᠲᠤᠮᠳᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠦᠢᠯᠡᠴᠢᠯᠡᠭᠡᠨ ᠤ | ᠶᠠᠰᠤ ᠴᠢᠨᠠᠷ ᠨᠢ ᠰᠢᠯᠢᠳᠡᠭ ᠦᠨᠡᠯᠡᠯᠳᠡ ᠶᠢᠨ ᠪᠡᠷᠢᠮᠵᠢᠶ᠎ᠠ ᠳᠤ ᠬᠦᠷᠦᠭᠰᠡᠨ A ᠲᠡᠰ ᠤᠨ ᠵᠢᠭᠤᠯᠴᠢᠯᠠᠯ ᠤᠨ ᠤᠷᠤᠨ ᠢ | ᠱᠠᠩᠨᠠᠨ ᠬᠦᠬᠢᠬᠦᠯᠦᠨ᠎ᠡ᠃ ᠲᠡᠬᠢᠨ ᠬᠢᠨᠠᠯᠳᠠ ᠬᠢᠬᠦ ᠲᠤᠮᠳᠠ ᠤᠷᠤᠰᠢᠵᠤ ᠪᠠᠶᠢᠭ᠎ᠠ ᠠᠰᠠᠭᠤᠳᠠᠯ ᠢᠶᠠᠷ ᠨᠡᠯᠢᠶᠡᠳ | ᠤᠯᠠᠨ᠂ ᠰᠡᠷᠡᠮᠵᠢᠯᠡᠬᠦᠯᠬᠦ ᠪᠠᠷ ᠲᠤᠷᠠᠳᠤᠭᠳᠠᠭᠰᠠᠨ᠂ ᠵᠡᠷᠭᠡ ᠲᠡᠰ ᠪᠠᠭᠤᠷᠠᠭᠤᠯᠤᠭᠰᠠᠨ ᠪᠤᠶᠤ ᠬᠦᠴᠦᠨ ᠦᠬᠡᠢ | ᠪᠤᠯᠭᠠᠭᠰᠠᠨ ᠦᠵᠡᠮᠵᠢ ᠶᠢᠨ ᠤᠷᠤᠨ ᠢ ᠰᠢᠳᠬᠡᠨ ᠲᠤᠷᠭᠠᠨ᠎ᠠ᠃ ᠲᠤᠷᠭᠠᠨ ᠰᠢᠳᠭᠡᠭᠳᠡᠭᠰᠡᠨ ᠵᠢᠭᠤᠯᠴᠢᠯᠠᠯ ᠤᠨ | ᠦᠵᠡᠮᠵᠢ ᠶᠢᠨ ᠤᠷᠤᠨ ᠤ ᠪᠠᠶᠢᠭ᠎ᠠ ᠠᠶᠢᠮᠠᠭ ᠬᠤᠳᠠ ᠪᠤᠯᠤᠨ ᠬᠤᠰᠢᠭᠤ ᠰᠢᠶᠡᠨ ︵ᠬᠤᠳᠠ᠂ ᠲᠤᠭᠤᠷᠢᠭ︶ ᠳᠤ | ᠦᠪᠡᠷᠳᠡᠭᠡᠨ ᠵᠠᠰᠠᠬᠤ ᠤᠷᠤᠨ ᠠᠴᠠ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢᠨ ᠪᠡᠯᠡ ᠮᠦᠩᠬᠦ ᠶᠢᠨ ᠲᠡᠮᠵᠢᠯᠭᠡ ᠶᠢ ᠪᠠᠭᠠᠰᠬᠠᠨ᠎ᠠ᠃ | A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠮᠡᠳᠡᠭᠡ ᠵᠠᠩᠬᠢ ᠶᠢ ᠮᠡᠳᠡᠭᠡᠯᠡᠬᠦ ᠲᠤᠭᠳᠠᠴᠠ ᠶᠢ | ᠪᠠᠶᠢᠭᠤᠯᠬᠤ ᠭᠡᠷᠡᠭᠳᠡᠢ᠃ ᠵᠢᠯ ᠪᠦᠷᠢ ᠬᠤᠶᠠᠷ ᠤᠳᠠᠭ᠎ᠠ ᠪᠦᠬᠦ ᠤᠷᠤᠨ ᠤ A ᠲᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠢ ᠡᠭᠦᠳᠦᠨ ᠪᠠᠶᠢᠭᠤᠯᠤᠬᠰᠠᠨ᠂ ᠰᠢᠯᠭᠠᠨ ᠲᠤᠭᠳᠠᠭᠠᠬᠰᠠᠨ᠂ ᠲᠡᠬᠢᠨ ᠬᠢᠨᠠᠯᠳᠠ ᠬᠢᠭᠰᠡᠨ | ᠪᠠᠶᠢᠳᠠᠯ ᠢ ᠮᠡᠳᠡᠭᠡᠯᠡᠨ᠎ᠡ᠃ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠰᠠᠶᠢᠨ᠂ ᠦᠢᠯᠡᠴᠢᠯᠡᠭᠡᠨ ᠤ ᠶᠠᠰᠤ ᠴᠢᠨᠠᠷ | ᠦᠨᠳᠦᠷ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠰᠠᠶᠢᠰᠢᠶᠠᠬᠤ ᠶᠢᠨ ᠬᠠᠮᠳᠤ᠂ ᠤᠯᠤᠰ ᠪᠠ | ᠦᠪᠡᠷᠳᠡᠭᠡᠨ ᠵᠠᠰᠠᠬᠤ ᠤᠷᠤᠨ ᠤ ᠰᠤᠨᠢᠨ ᠮᠡᠳᠡᠭᠡᠨ ᠤ ᠵᠠᠭᠤᠴᠢᠯᠠᠭᠤᠷ ᠢᠶᠠᠷ ᠤᠬᠠᠭᠤᠯᠭ᠎ᠠ ᠬᠢᠨ᠎ᠡ︔ ᠠᠰᠠᠭᠤᠳᠠᠯ | ᠨᠡᠯᠢᠶᠡᠳ ᠤᠯᠠᠨ᠂ ᠵᠢᠭᠤᠯᠴᠢᠯᠠᠭᠴᠢᠳ ᠪᠠ ᠵᠠᠭᠤᠴᠢᠯᠠᠭᠤᠷ ᠤᠨ ᠲᠤᠰᠬᠠᠯᠳᠠ ᠠᠨᠠᠢ A ᠲᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠳᠤ ᠲᠡᠳᠡᠨ ᠤ ᠤᠷᠤᠰᠢᠵᠤ ᠪᠠᠶᠢᠭ᠎ᠠ ᠠᠰᠠᠭᠤᠳᠠᠯ ᠪᠤᠯᠤᠨ ᠬᠤᠭᠤᠴᠠᠭ᠎ᠠ ᠲᠤᠭᠳᠠᠭᠠᠨ | ᠴᠡᠭᠴᠡᠯᠡᠨ ᠵᠠᠰᠠᠬᠤ ᠱᠠᠭᠠᠷᠳᠠᠯᠭ᠎ᠠ ᠶᠢ ᠨᠡᠶᠢᠳᠡᠯᠡᠵᠤ᠂ ᠦᠷᠭᠡᠨ ᠤᠯᠠᠨ ᠵᠢᠭᠤᠯᠴᠢᠯᠠᠭᠴᠢᠳ ᠪᠠ ᠨᠡᠶᠢᠭᠡᠮ ᠤᠨ ᠡᠯ᠎ᠡ | ᠡᠳᠡᠭᠡᠳ ᠤᠨ ᠬᠢᠨ ᠤ ᠲᠠᠭᠠᠰᠢᠶᠠᠯ ᠢ ᠤᠯᠬᠤ ᠭᠡᠷᠡᠭᠳᠡᠢ᠃ | | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ A ᠲᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠢ ᠴᠡᠭᠴᠡᠯᠡᠨ ᠵᠠᠰᠠᠬᠤ ᠬᠤᠶᠠᠷ ᠵᠢᠯ ᠤᠨ ᠠᠵᠢᠯᠯᠠᠭᠠᠨ ᠤ ᠲᠦᠯᠦᠪᠯᠡᠭᠡ | A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠬᠠᠮᠢᠶᠠᠷᠤᠯᠳᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠵᠢᠭᠤᠯᠴᠢᠯᠠᠯ ᠤᠨ ᠦᠵᠡᠮᠵᠢ ᠶᠢᠨ ᠤᠷᠤᠨ ᠤ ᠬᠠᠮᠢᠶᠠᠷᠤᠯᠳᠠ ᠪᠠ ᠦᠢᠯᠡᠴᠢᠯᠡᠭᠡᠨ ᠤ ᠬᠢᠷᠢ | ᠬᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠤᠯᠤᠰ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ | ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠶᠡᠷᠦᠩᠬᠡᠢ ᠲᠤᠪᠴᠢᠶ᠎ᠠ ᠶᠢᠨ ᠨᠡᠶᠢᠳᠡᠯᠡᠭᠰᠡᠨ ︽ᠵᠢᠭᠤᠯᠴᠢᠯᠠᠯ ᠤᠨ | ᠤᠷᠤᠨ ᠤ ᠶᠠᠰᠤ ᠴᠢᠨᠠᠷ ᠵᠡᠷᠭᠡ ᠲᠡᠰ ᠤᠨ ᠬᠤᠪᠢᠶᠠᠷᠢᠯᠠᠯᠳᠠ ᠬᠢᠬᠡᠳ ᠰᠢᠯᠭᠠᠨ ᠲᠤᠭᠳᠠᠭᠠᠯᠳᠠ︾ ᠶᠢᠨ ᠪᠠᠷᠢᠮᠵᠢᠶ᠎ᠠ | ᠵᠢᠴᠢ ᠬᠠᠮᠢᠶ᠎ᠠ ᠪᠦᠬᠦᠢ ᠨᠠᠷᠢᠨ ᠲᠦᠷᠢᠮ᠂ ︽ᠵᠢᠭᠤᠯᠴᠢᠯᠠᠯ ᠤᠨ ᠤᠷᠤᠨ ᠤ ᠶᠠᠰᠤ ᠴᠢᠨᠠᠷ ᠵᠡᠷᠭᠡ ᠲᠡᠰ ᠤᠨ | ᠬᠠᠮᠢᠶᠠᠷᠤᠯᠳᠠ ᠶᠢᠨ ᠠᠷᠭ᠎ᠠ︾ ᠶᠢᠨ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠵᠤ᠂ ᠦᠪᠡᠷᠳᠡᠭᠡᠨ ᠵᠠᠰᠠᠬᠤ | ᠤᠷᠤᠨ ᠤ A ᠲᠡᠰ ᠤᠨ ᠵᠢᠭᠤᠯᠴᠢᠯᠠᠯ ᠤᠨ ᠤᠷᠤᠨ ᠢ ᠴᠡᠭᠴᠡᠯᠡᠨ ᠵᠠᠰᠠᠬᠤ ᠬᠤᠶᠠᠷ ᠵᠢᠯ ᠤᠨ ᠠᠵᠢᠯᠯᠠᠭᠠᠨ ᠢ ᠪᠦᠬᠦ | ᠲᠠᠯ᠎ᠠ ᠪᠠᠷ ᠦᠷᠨᠢᠬᠦᠯᠬᠦ ᠶᠢᠨ ᠬᠠᠮᠳᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠪᠤᠰᠤᠳ ᠵᠢᠭᠤᠯᠴᠢᠯᠠᠯ ᠤᠨ | ᠦᠵᠡᠮᠵᠢ ᠶᠢᠨ ᠤᠷᠤᠨ ᠳᠤ ᠴᠡᠭᠴᠡᠯᠡᠯᠳᠡ ᠬᠢᠨ᠎ᠠ᠃ | ᠨᠢᠬᠡ᠂ ᠠᠵᠢᠯ ᠤᠨ ᠬᠠᠷᠠᠯᠳᠠ | ︽ᠵᠢᠭᠤᠯᠴᠢᠯᠠᠯ ᠤᠨ ᠤᠷᠤᠨ ᠤ ᠶᠠᠰᠤ ᠴᠢᠨᠠᠷ ᠵᠡᠷᠭᠡ ᠲᠡᠰ ᠤᠨ ᠬᠤᠪᠢᠶᠠᠷᠢᠯᠠᠯᠳᠠ ᠬᠢᠬᠡᠳ ᠰᠢᠯᠭᠠᠨ | ᠲᠤᠭᠳᠠᠭᠠᠯᠳᠠ︾ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠤᠰᠤᠭᠠᠷ᠂ ᠵᠢᠭᠤᠯᠴᠢᠯᠠᠯ ᠤᠨ ᠦᠵᠡᠮᠵᠢ ᠶᠢᠨ ᠤᠷᠤᠨ ᠤ | ᠲᠦᠯᠦᠪᠵᠢᠬᠦᠯᠭᠡ ᠶᠢᠨ ᠪᠠᠶᠢᠭᠤᠯᠤᠯᠳᠠ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠦᠢᠯᠡᠴᠢᠯᠡᠭᠡᠨ ᠤ ᠶᠠᠰᠤ | ᠴᠢᠨᠠᠷ ᠵᠡᠷᠭᠡ ᠲᠠᠯ᠎ᠠ ᠪᠠᠷ ᠤᠷᠤᠰᠢᠵᠤ ᠪᠠᠶᠢᠭ᠎ᠠ ᠠᠰᠠᠭᠤᠳᠠᠯ ᠢ ᠪᠦᠬᠦ ᠭᠦᠴᠦᠨ ᠢᠶᠠᠷ ᠴᠡᠭᠴᠡᠯᠡᠨ ᠵᠠᠰᠠᠵᠤ᠂ | ᠵᠢᠭᠤᠯᠴᠢᠯᠠᠯ ᠤᠨ ᠦᠵᠡᠮᠵᠢ ᠶᠢᠨ ᠤᠷᠤᠨ ᠳᠤ ᠤᠷᠤᠰᠢᠵᠤ ᠪᠠᠶᠢᠭ᠎ᠠ ᠪᠤᠵᠠᠷ ᠰᠠᠮᠠᠭᠤᠨ ᠪᠠᠷᠤᠭᠳᠠᠢ᠂ ᠦᠢᠯᠡᠴᠢᠯᠡᠭᠡᠨ ᠤ | ᠬᠢᠷᠢ ᠬᠡᠮᠵᠢᠶ᠎ᠡ ᠲᠤᠤᠷ᠎ᠠ ᠵᠡᠷᠭᠡ ᠠᠰᠠᠭᠤᠳᠠᠯ ᠢ ᠦᠨᠳᠦᠰᠦᠨ ᠠᠴᠠ ᠨᠢ ᠠᠷᠢᠯᠭᠠᠵᠤ᠂ ᠤᠷᠴᠢᠨ ᠲᠤᠭᠤᠷᠢᠨ ᠭᠤᠶᠤ᠂ | ᠪᠡᠯᠡᠳᠬᠡᠮᠵᠢ ᠪᠦᠷᠢᠨ᠂ ᠠᠭᠤᠯᠭ᠎ᠠ ᠪᠠᠶᠠᠯᠢᠭ᠂ ᠡᠷᠡᠬᠦᠯ ᠬᠠᠮᠠᠭᠠᠯᠠᠯ ᠴᠡᠪᠡᠷ ᠲᠡᠭᠰᠢ᠂ ᠦᠢᠯᠡᠴᠢᠯᠡᠭᠡ ᠰᠢᠯᠢᠳᠡᠭ᠂ | ᠡᠷᠡᠬᠦᠯ ᠪᠤᠯᠪᠠᠰᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠪᠤᠢ ᠪᠤᠯᠭᠠᠬᠤ ᠪᠠᠷ ᠴᠢᠷᠮᠠᠶᠢᠬᠤ | ᠭᠡᠷᠡᠭᠳᠡᠢ᠃ | ᠬᠤᠶᠠᠷ᠂ ᠴᠠᠭ ᠤᠨ ᠲᠤᠬᠢᠷᠠᠭᠤᠯᠤᠯᠳᠠ | ᠨᠢᠭᠡᠳᠦᠭᠡᠷ ᠱᠠᠳᠤ ᠦᠶ᠎ᠡ ︵2015 ᠤᠨ ᠤ 10 ᠳ᠋ᠤᠭᠠᠷ ᠰᠠᠷ᠎ᠠ ᠶᠢᠨ 15 ᠤ ᠡᠳᠦᠷ — 12 | ᠳ᠋ᠤᠭᠠᠷ ᠰᠠᠷ᠎ᠠ ᠶᠢᠨ 30 ᠤ ᠡᠳᠦᠷ︶᠃ ᠡᠯ᠎ᠡ ᠠᠶᠢᠮᠠᠭ ᠬᠤᠳᠠ ᠨᠤᠭᠤᠳ ᠲᠤᠰ ᠭᠠᠵᠠᠷ ᠤᠷᠤᠨ ᠤ ᠪᠠᠨ A | ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠳᠤ ᠤᠷᠤᠰᠢᠵᠤ ᠪᠠᠶᠢᠭ᠎ᠠ ᠠᠰᠠᠭᠤᠳᠠᠯ ᠢ ᠡᠮᠬᠢᠯᠡᠬᠦ ᠶᠢᠨ ᠬᠠᠮᠳᠤ | ᠪᠢᠴᠢᠭ ᠤᠨ ᠮᠠᠲ᠋ᠧᠷᠢᠶᠡᠯ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠪᠴᠢᠶ᠎ᠠ ᠳᠤ | ᠮᠡᠳᠡᠬᠦᠯᠤᠨ ᠬᠦᠷᠭᠡᠬᠦ ᠭᠡᠷᠡᠭᠳᠡᠢ᠃ | ᠬᠤᠶᠠᠳᠤᠭᠠᠷ ᠱᠠᠳᠤ ᠦᠶ᠎ᠡ ︵2016 ᠤᠨ ᠤ 1 ᠳ᠋ᠦ᠋ᠬᠡᠷ ᠰᠠᠷ᠎ᠠ ᠶᠢᠨ 1 ᠤ ᠡᠳᠦᠷ — 12 ᠳ᠋ᠤᠭᠠᠷ | ᠰᠠᠷ᠎ᠠ ᠶᠢᠨ 30 ᠤ ᠡᠳᠦᠷ︶᠃ ᠡᠯ᠎ᠡ ᠠᠶᠢᠮᠠᠭ ᠬᠤᠳᠠ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ | ᠤᠷᠤᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠦᠨ ᠲᠦᠪᠯᠡᠷᠡᠭᠦᠯᠦᠨ ᠴᠡᠭᠴᠡᠯᠡᠯᠳᠡ ᠬᠢᠬᠦ ᠭᠡᠷᠡᠭᠳᠡᠢ᠃ | ᠴᠡᠭᠴᠡᠯᠡᠯᠳᠡ ᠶᠢᠨ ᠬᠤᠭᠤᠴᠠᠭᠠᠨ ᠳᠤ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠪᠴᠢᠶ᠎ᠠ ᠨᠢᠭᠤᠴᠠ ᠪᠠᠷ | ᠰᠤᠷᠪᠤᠯᠵᠢᠯᠠᠬᠤ ᠲᠤᠭᠤᠶᠢᠯᠠᠩ ᠲᠤᠮᠢᠯᠠᠨ ᠡᠯ᠎ᠡ ᠭᠠᠵᠠᠷ ᠤᠨ ᠴᠡᠭᠴᠡᠯᠡᠨ ᠵᠠᠰᠠᠭᠰᠠᠨ ᠪᠠᠶᠢᠳᠠᠯ ᠳᠤ ᠨᠢᠭᠤᠴᠠ | ᠰᠤᠷᠪᠤᠯᠵᠢᠯᠠᠭ᠎ᠠ ᠬᠢᠬᠦ ᠭᠡᠷᠡᠭᠳᠡᠢ᠃ | ᠭᠤᠷᠪᠠᠳᠤᠭᠠᠷ ᠱᠠᠳᠤ ᠦᠶ᠎ᠡ ︵2017 ᠤᠨ ᠤ 1 ᠳ᠋ᠦ᠋ᠬᠡᠷ ᠰᠠᠷ᠎ᠠ ᠶᠢᠨ 1 ᠤ ᠡᠳᠦᠷ — 30 ᠤ | ᠡᠳᠦᠷ︶᠃ ᠡᠯ᠎ᠡ ᠠᠶᠢᠮᠠᠭ ᠬᠤᠳᠠ ᠨᠤᠭᠤᠳ ᠲᠤᠰ ᠭᠠᠵᠠᠷ ᠤᠷᠤᠨ ᠤ ᠪᠠᠨ A ᠲᠡᠰ ᠤᠨ ᠵᠢᠭᠤᠯᠴᠢᠯᠠᠯ ᠤᠨ | ᠦᠵᠡᠮᠵᠢ ᠶᠢᠨ ᠤᠷᠤᠨ ᠤ ᠴᠡᠭᠴᠡᠯᠡᠯᠳᠡ ᠶᠢᠨ ᠠᠵᠢᠯ ᠳᠤ ᠪᠦᠬᠦ ᠲᠠᠯ᠎ᠠ ᠶᠢᠨ ᠳ᠋ᠦᠩᠨᠡᠯᠳᠡ ᠬᠢᠬᠦ ᠶᠢᠨ ᠬᠠᠮᠳᠤ | ᠳ᠋ᠦᠩᠨᠡᠯᠳᠡ ᠶᠢᠨ ᠮᠠᠲ᠋ᠧᠷᠢᠶᠡᠯ ᠢᠶᠠᠨ ᠪᠢᠴᠢᠭ ᠢᠶᠠᠷ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠪᠴᠢᠶ᠎ᠠ ᠳᠤ | ᠮᠡᠳᠡᠬᠦᠯᠤᠨ ᠬᠦᠷᠭᠡᠵᠤ᠂ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠲᠤᠪᠴᠢᠶ᠎ᠠ ᠠᠴᠠ | ᠬᠤᠷᠢᠶᠠᠩᠭᠤᠶᠢᠯᠠᠭᠰᠠᠨ ᠤ ᠲᠠᠷᠠᠭ᠎ᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ | ᠮᠡᠳᠡᠬᠦᠯᠬᠦ ᠭᠡᠷᠡᠭᠳᠡᠢ᠃ | ᠭᠤᠷᠪᠠ᠂ ᠴᠡᠭᠴᠡᠯᠡᠨ ᠵᠠᠰᠠᠬᠤ ᠭᠤᠤᠯᠳᠠᠯᠭ᠎ᠠ | ︵ᠨᠢᠬᠡ︶ A ᠲᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢᠶᠠᠷ ᠵᠦᠪᠰᠢᠶᠡᠷᠡᠭᠦᠯᠦᠭᠰᠡᠨ ᠤ | ᠲᠠᠷᠠᠭ᠎ᠠ᠂ ᠵᠦᠪᠰᠢᠶᠡᠷᠡᠭᠦᠯᠦᠭᠰᠡᠨ ᠦᠵᠡᠮᠵᠢ ᠶᠢᠨ ᠤᠷᠤᠨ ᠤ ᠶᠠᠰᠤ ᠴᠢᠨᠠᠷ ᠵᠡᠷᠭᠡ ᠲᠡᠰ ᠢ ᠵᠦᠪ ᠭᠡᠷᠡᠭᠯᠡᠵᠤ ᠪᠠᠶᠢᠭ᠎ᠠ | ᠪᠠᠶᠢᠳᠠᠯ᠃ | ︵ᠬᠤᠶᠠᠷ︶ ᠦᠵᠡᠮᠵᠢ ᠶᠢᠨ ᠤᠷᠤᠨ ᠤ ᠶᠠᠰᠤ ᠴᠢᠨᠠᠷ ᠵᠡᠷᠭᠡ ᠲᠡᠰ ᠢᠶᠠᠷ ᠵᠦᠪᠰᠢᠶᠡᠷᠡᠭᠳᠡᠭᠰᠡᠨ ᠤ ᠲᠠᠷᠠᠭ᠎ᠠ᠂ | ᠦᠵᠡᠮᠵᠢ ᠶᠢᠨ ᠤᠷᠤᠨ ᠤ ᠰᠠᠭᠤᠷᠢ ᠪᠡᠯᠡᠳᠬᠡᠮᠵᠢ᠂ ᠦᠢᠯᠡᠴᠢᠯᠡᠭᠡᠨ ᠤ ᠪᠡᠯᠡᠳᠭᠡᠮᠵᠢ᠂ ᠦᠢᠯᠡᠴᠢᠯᠡᠭᠡᠨ ᠤ ᠶᠠᠰᠤ | ᠴᠢᠨᠠᠷ ᠲᠤ ᠵᠢᠭᠤᠯᠴᠢᠯᠠᠭᠴᠢᠳ ᠤᠨ ᠭᠡᠷᠡᠭᠴᠡᠭᠡ ᠶᠢ ᠦᠨᠳᠦᠰᠦᠯᠡᠵᠤ᠂ ᠲᠡᠬᠡᠭᠰᠢᠯᠡᠬᠦᠯᠦᠭᠰᠡᠨ ᠪᠠᠶᠢᠳᠠᠯ︔ | ᠵᠦᠪᠰᠢᠶᠡᠷᠡᠬᠦᠯᠦᠭᠰᠡᠨ ᠦᠵᠡᠮᠵᠢ ᠶᠢᠨ ᠤᠷᠤᠨ ᠤ ᠶᠠᠰᠤ ᠴᠢᠨᠠᠷ ᠵᠡᠷᠭᠡ ᠲᠡᠰ ᠯᠦᠭᠡ ᠬᠠᠷᠢᠯᠴᠠᠨ ᠨᠡᠶᠢᠴᠡᠭᠰᠡᠨ ᠪᠠᠶᠢᠳᠠᠯ᠃ | | ︵ᠭᠤᠷᠪᠠ︶ ᠵᠢᠭᠤᠯᠴᠢᠯᠠᠯ ᠤᠨ ᠤᠷᠤᠨ ᠤ ᠲᠦᠯᠦᠪᠵᠢᠬᠦᠯᠭᠡ ᠨᠠᠶᠢᠷᠠᠭᠤᠯᠤᠨ ᠵᠤᠬᠢᠶᠠᠭᠰᠠᠨ ᠪᠠ | ᠭᠡᠷᠡᠭᠵᠢᠬᠦᠯᠦᠭᠰᠡᠨ ᠪᠠᠶᠢᠳᠠᠯ︔ ᠲᠦᠯᠦᠪᠵᠢᠬᠦᠯᠭᠡ ᠶᠤᠰᠤᠭᠠᠷ ᠨᠡᠭᠡᠭᠡᠨ ᠬᠦᠭᠵᠢᠬᠦᠯᠵᠤ ᠪᠦᠳᠦᠭᠡᠨ ᠪᠠᠶᠢᠭᠤᠯᠤᠭᠰᠠᠨ | ᠡᠰᠡᠬᠦ ᠠᠰᠠᠭᠤᠳᠠᠯ ᠤᠷᠤᠰᠢᠵᠤ ᠪᠠᠶᠢᠬᠤ᠂ ᠵᠢᠭᠤᠯᠴᠢᠯᠠᠯ ᠤᠨ ᠤᠷᠴᠢᠨ ᠲᠤᠭᠤᠷᠢᠨ ᠢ ᠡᠪᠳᠡᠭᠰᠡᠨ ᠪᠠᠶᠢᠳᠠᠯ᠃ | | ︵ᠲᠦᠷᠪᠡ︶ ᠵᠢᠭᠤᠯᠴᠢᠯᠠᠯ ᠤᠨ ᠤᠷᠤᠨ ᠤ ᠤᠷᠴᠢᠨ ᠲᠤᠭᠤᠷᠢᠨ ᠡᠷᠡᠭᠦᠯ ᠬᠠᠮᠠᠭᠠᠯᠠᠯ ᠪᠡᠯᠡᠳᠭᠡᠮᠵᠢ ᠶᠢᠨ | ᠪᠠᠶᠢᠳᠠᠯ᠂ ᠵᠢᠱᠢᠶᠡᠯᠡᠪᠡᠯ ᠵᠢᠭᠤᠯᠴᠢᠯᠠᠯ ᠤᠨ ᠤᠷᠤᠨ ᠤ ᠵᠤᠷᠯᠤᠩ᠂ ᠬᠤᠭ ᠨᠤᠪᠰᠢ ᠶᠢᠨ ᠰᠠᠪᠠ᠂ ᠪᠤᠬᠢᠷ ᠤᠰᠤ ᠪᠠ | ᠬᠤᠭ ᠨᠤᠪᠰᠢ ᠰᠢᠢᠳᠪᠦᠷᠢᠯᠡᠬᠦ ᠪᠡᠯᠡᠳᠭᠡᠮᠵᠢ ᠵᠡᠷᠭᠡ︔ ᠬᠠᠮᠢᠶᠠᠷᠤᠯᠳᠠ ᠶᠢ ᠪᠤᠳᠠᠳᠠᠶᠢᠵᠢᠭᠤᠯᠤᠬᠰᠠᠨ ᠪᠠᠶᠢᠳᠠᠯ᠂ | ᠵᠢᠱᠢᠶᠡᠯᠡᠪᠡᠯ ᠵᠢᠭᠤᠯᠴᠢᠯᠠᠯ ᠤᠨ ᠦᠵᠡᠮᠵᠢ ᠶᠢᠨ ᠤᠷᠤᠨ ᠤ ᠲᠡᠯᠡᠪᠡᠢ ᠭᠠᠵᠠᠷ ᠤᠨ ᠡᠮᠬᠢ ᠲᠢᠭᠯᠢᠮ᠂ ᠬᠤᠭ ᠨᠤᠪᠰᠢ ᠶᠢ | ᠡᠳᠦᠷ ᠲᠤᠨᠢ ᠴᠡᠪᠡᠷᠯᠡᠭᠰᠡᠨ ᠡᠰᠡᠬᠦ ᠵᠡᠷᠭᠡ᠃ | ᠲᠦᠷᠪᠡ᠂ ᠴᠡᠭᠴᠡᠯᠡᠨ ᠵᠠᠰᠠᠬᠤ ᠶᠢᠨ ᠭᠤᠤᠯ ᠠᠭᠤᠯᠭ᠎ᠠ | ︵ᠨᠢᠬᠡ︶ ᠵᠢᠭᠤᠯᠴᠢᠯᠠᠯ ᠤᠨ ᠵᠠᠮ ᠬᠠᠷᠢᠯᠴᠠᠭᠠᠨ ᠤ ᠲᠠᠯ᠎ᠠ ᠪᠠᠷ᠃ ᠭᠠᠳᠠᠨᠠᠬᠢ ᠵᠠᠮ ᠬᠠᠷᠢᠯᠴᠠᠭᠠᠨ ᠤ | ᠵᠢᠭᠠᠯᠳᠠ ᠲᠡᠮᠳᠡᠭ ᠤᠨ ᠪᠠᠶᠢᠷᠢᠯᠠᠭᠤᠯᠤᠯᠳᠠ ᠵᠢᠴᠢ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠳᠠᠯ︔ ᠮᠠᠰᠢᠨ ᠲᠡᠷᠭᠡᠨ ᠤ ᠵᠤᠭᠰᠤᠭᠠᠯ ᠤᠨ ᠲᠠᠯᠠᠪᠠᠢ᠂ ᠶᠠᠰᠤ ᠴᠢᠨᠠᠷ᠂ ᠬᠠᠮᠢᠶᠠᠷᠤᠯᠳᠠ ᠨᠢ | ᠵᠦᠪᠰᠢᠶᠡᠷᠡᠬᠦᠯᠦᠭᠰᠡᠨ ᠵᠡᠷᠭᠡ ᠲᠡᠰ ᠯᠦᠭᠡ ᠬᠠᠷᠢᠯᠴᠠᠨ ᠨᠡᠶᠢᠴᠡᠭᠰᠡᠨ ᠪᠠᠶᠢᠳᠠᠯ᠃ | ︵ᠬᠤᠶᠠᠷ︶ ᠵᠢᠭᠤᠯᠴᠢᠯᠠᠨ ᠲᠤᠭᠤᠷᠢᠬᠤ ᠲᠠᠯ᠎ᠠ ᠪᠠᠷ᠃ ᠵᠢᠭᠤᠯᠴᠢᠯᠠᠭᠴᠢᠳ ᠤᠨ ᠭᠤᠤᠯ ᠪᠠᠶᠢᠷᠢ ᠶᠢ | ᠵᠤᠬᠢᠰᠳᠠᠢ ᠪᠠᠶᠢᠷᠢᠯᠠᠭᠤᠯᠡᠭᠤᠯᠤᠭᠰᠠᠨ᠂ ᠲᠠᠯᠠᠪᠠᠢ ᠨᠢ ᠭᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ᠂ ᠴᠢᠳᠠᠮᠵᠢ ᠨᠢ | ᠲᠡᠭᠦᠯᠳᠡᠷᠵᠢᠭᠰᠡᠨ ᠪᠠᠶᠢᠳᠠᠯ︔ ᠲᠡᠮᠳᠡᠭ ᠤᠨ ᠰᠢᠰᠲ᠋ᠧᠮ ᠨᠢ ᠲᠡᠭᠦᠯᠳᠡᠷᠵᠢᠭᠰᠡᠨ᠂ ᠦᠵᠡᠮᠵᠢ ᠶᠢᠨ ᠤᠷᠤᠨ ᠤ | ᠤᠨᠴᠠᠯᠢᠭ ᠯᠤᠭ᠎ᠠ ᠲᠤᠬᠢᠷᠠᠯᠴᠠᠭᠰᠠᠨ᠂ ᠤᠯᠤᠰ ᠤᠨ GB/T10001.1 ᠶᠢᠨ ᠲᠤᠭᠳᠠᠭᠠᠯ ᠳᠤ ᠨᠡᠶᠢᠴᠡᠭᠰᠡᠨ | ᠪᠠᠶᠢᠳᠠᠯ᠃ ᠤᠬᠠᠭᠤᠯᠭ᠎ᠠ ᠶᠢᠨ ᠮᠠᠲ᠋ᠧᠷᠢᠶᠡᠯ ᠡᠯᠪᠡᠭ ᠪᠠᠶᠠᠯᠢᠭ᠂ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠭᠰᠠᠨ ᠪᠠᠶᠢᠳᠠᠯ︔ ᠵᠢᠭᠤᠯᠴᠢᠯᠠᠭᠤᠯᠤᠭᠴᠢ ᠶᠢᠨ ᠲᠤᠬᠢᠷᠠᠭᠤᠯᠤᠯᠳᠠ ᠵᠢᠴᠢ ᠵᠢᠭᠤᠯᠴᠢᠯᠠᠭᠤᠯᠤᠭᠴᠢ ᠶᠢᠨ ᠦᠭᠡᠰ | ᠵᠦᠪ ᠤᠨᠤᠪᠴᠢᠳᠠᠢ᠂ ᠠᠮᠢᠳᠤ ᠴᠤᠪᠤᠭᠤᠯᠢᠭ ᠪᠠᠶᠢᠬᠤ ᠪᠠ ᠦᠪᠡᠷᠮᠢᠴᠢᠯᠡᠭᠰᠡᠨ ᠦᠢᠯᠡᠴᠢᠯᠡᠭᠡᠨ ᠬᠢᠭᠰᠡᠨ ᠪᠠᠶᠢᠳᠠᠯ︔ | ᠵᠢᠭᠤᠯᠴᠢᠯᠠᠭᠴᠢᠳ ᠤᠨ ᠠᠮᠠᠷᠠᠬᠤ ᠪᠡᠯᠡᠳᠬᠡᠮᠵᠢ ᠶᠢᠨ ᠲᠤᠬᠢᠷᠠᠭᠤᠯᠤᠯᠳᠠ ᠪᠠ ᠦᠵᠡᠮᠵᠢ ᠶᠢᠨ ᠤᠷᠤᠨ ᠤ | ᠤᠨᠴᠠᠯᠢᠭ ᠯᠤᠭ᠎ᠠ ᠵᠤᠬᠢᠴᠠᠯᠳᠤᠭᠰᠠᠨ ᠪᠠᠶᠢᠳᠠᠯ᠃ | ︵ᠭᠤᠷᠪᠠ︶ ᠠᠮᠤᠷ ᠲᠦᠪᠰᠢᠨ ᠤ ᠲᠠᠯ᠎ᠠ ᠪᠠᠷ᠃ ᠠᠮᠤᠷ ᠲᠦᠪᠰᠢᠨ ᠤ ᠲᠦᠷᠢᠮ ᠢ ᠲᠤᠭᠳᠠᠭᠠᠬᠰᠠᠨ᠂ | ᠠᠵᠢᠯᠳᠠᠨ ᠪᠠ ᠪᠡᠯᠡᠳᠬᠡᠮᠵᠢ ᠲᠤᠬᠢᠷᠠᠭᠤᠯᠤᠭᠰᠠᠨ ᠪᠠᠶᠢᠳᠠᠯ︔ ᠠᠶᠤᠯᠳᠠᠢ ᠭᠠᠵᠠᠷ ᠤᠨ ᠭᠡᠰᠡᠭ ᠲᠤ ᠤᠨᠴᠠᠭᠠᠢ | ᠵᠢᠭᠠᠯᠳᠠ ᠲᠡᠮᠳᠡᠭ ᠲᠤᠬᠢᠷᠠᠭᠤᠯᠤᠬᠰᠠᠨ᠂ ᠠᠶᠤᠯᠳᠠᠢ ᠠᠵᠢᠯᠯᠠᠭ᠎ᠠ ᠶᠢᠨ ᠲᠦᠷᠦᠯ ᠵᠦᠢᠯ ᠢᠶᠠᠨ ᠠᠮᠤᠷ ᠲᠦᠪᠰᠢᠨ ᠤ | ᠰᠠᠯᠠᠭ᠎ᠠ ᠮᠦᠴᠢᠷ ᠢᠶᠠᠷ ᠰᠢᠯᠭᠠᠨ ᠪᠠᠶᠢᠴᠠᠭᠠᠯᠭᠠᠭᠰᠠᠨ ᠪᠠᠶᠢᠳᠠᠯ︔ ᠡᠮᠨᠡᠯᠭᠡ ᠶᠢᠨ ᠲᠠᠰᠤᠭ ᠪᠠ ᠡᠮᠨᠡᠯᠭᠡ ᠶᠢᠨ | ᠠᠵᠢᠯᠳᠠᠨ ᠢ ᠲᠤᠬᠢᠷᠠᠭᠤᠯᠤᠭᠰᠠᠨ᠂ ᠪᠠᠴᠢᠮ ᠠᠪᠤᠷᠠᠯᠳᠠ ᠶᠢᠨ ᠲᠤᠭᠳᠠᠴᠠ ᠶᠢ ᠪᠠᠶᠢᠭᠤᠯᠤᠭᠰᠠᠨ ᠵᠢᠴᠢ ᠡᠮᠨᠡᠯᠭᠡ ᠶᠢᠨ | ᠬᠤᠷᠢᠶ᠎ᠠ ᠯᠤᠭ᠎ᠠ ᠠᠪᠤᠷᠠᠨ ᠲᠤᠰᠠᠯᠠᠬᠤ ᠭᠡᠷ᠎ᠡ ᠲᠤᠭᠳᠠᠭᠰᠠᠨ ᠪᠠᠶᠢᠳᠠᠯ᠃ ︵ᠲᠦᠷᠪᠡ︶ ᠡᠷᠡᠭᠦᠯ | ᠬᠠᠮᠠᠭᠠᠯᠠᠯ ᠤᠨ ᠲᠠᠯ᠎ᠠ ᠪᠠᠷ᠃ ᠦᠵᠡᠮᠵᠢ ᠶᠢᠨ ᠤᠷᠤᠨ ᠤ ᠪᠦᠬᠦᠯᠢ ᠴᠤᠭᠴᠠ ᠶᠢᠨ ᠤᠷᠴᠢᠨ ᠲᠤᠭᠤᠷᠢᠨ ᠴᠡᠪᠡᠷ | ᠲᠡᠭᠰᠢ᠂ ᠪᠠᠷᠢᠯᠭ᠎ᠠ ᠶᠢᠨ ᠦᠩᠭᠡ ᠪᠤᠳᠤᠭ ᠨᠢ ᠦᠵᠡᠮᠵᠢ ᠶᠢᠨ ᠤᠷᠤᠨ ᠤ ᠤᠨᠴᠠᠯᠢᠭ ᠯᠤᠭ᠎ᠠ ᠵᠤᠬᠢᠴᠠᠯᠳᠤᠭᠰᠠᠨ | ᠪᠠᠶᠢᠳᠠᠯ︔ ᠨᠡᠶᠢᠳᠡ ᠶᠢᠨ ᠵᠤᠷᠯᠤᠩ ᠢ ᠵᠤᠬᠢᠰᠳᠠᠢ ᠲᠤᠬᠢᠷᠠᠭᠤᠯᠵᠤ᠂ ᠵᠢᠭᠤᠯᠴᠢᠯᠠᠭᠴᠢᠳ ᠤᠨ ᠭᠡᠷᠡᠭᠴᠡᠭᠡ | ᠱᠠᠭᠠᠷᠳᠠᠯᠭ᠎ᠠ ᠶᠢ ᠬᠠᠩᠭᠠᠭᠰᠠᠨ᠂ ᠵᠤᠷᠯᠤᠩ ᠤᠨ ᠲᠤᠳᠤᠷᠠᠬᠢ ᠪᠡᠯᠡᠳᠬᠡᠮᠵᠢ ᠪᠤᠯᠤᠨ ᠵᠦᠪᠰᠢᠶᠡᠷᠡᠬᠦᠯᠦᠭᠰᠡᠨ ᠶᠠᠰᠤ | ᠴᠢᠨᠠᠷ ᠵᠡᠷᠭᠡ ᠲᠡᠰ ᠯᠦᠭᠡ ᠬᠠᠷᠢᠯᠴᠠᠨ ᠵᠤᠬᠢᠴᠠᠯᠳᠤᠵᠤ᠂ ᠵᠤᠷᠯᠤᠩ ᠤᠨ ᠪᠠᠷᠢᠯᠭ᠎ᠠ ᠶᠢᠨ ᠬᠡᠪ ᠲᠦᠷᠢ᠂ ᠦᠩᠬᠡ | ᠪᠤᠳᠤᠭ ᠨᠢ ᠦᠵᠡᠮᠵᠢ ᠶᠢᠨ ᠤᠷᠤᠨ ᠤ ᠤᠷᠴᠢᠨ ᠲᠤᠭᠤᠷᠢᠨ ᠯᠤᠭ᠎ᠠ ᠬᠠᠷᠢᠯᠴᠠᠨ ᠵᠤᠬᠢᠴᠠᠯᠳᠤᠵᠤ᠂ ᠵᠤᠷᠯᠤᠩ ᠤᠨ | ᠬᠠᠮᠢᠶᠠᠷᠤᠯᠳᠠ ᠶᠢ ᠪᠤᠳᠠᠳᠠᠢ ᠨᠠᠶᠢᠳᠠᠪᠤᠷᠢᠵᠢᠭᠤᠯᠤᠭᠰᠠᠨ ᠪᠠᠶᠢᠳᠠᠯ︔ ᠬᠤᠭ ᠨᠤᠪᠰᠢ ᠶᠢᠨ ᠰᠠᠪᠠ ᠶᠢ ᠵᠤᠬᠢᠰᠳᠠᠢ | ᠪᠠᠶᠢᠷᠢᠰᠢᠭᠤᠯᠵᠤ᠂ ᠵᠢᠭᠠᠯᠳᠠ ᠲᠡᠮᠳᠡᠭ ᠨᠢ ᠢᠯᠡ ᠲᠤᠳᠤᠷᠬᠠᠢ᠂ ᠲᠤᠭ᠎ᠠ ᠬᠡᠮᠵᠢᠶ᠎ᠡ ᠨᠢ ᠵᠢᠭᠤᠯᠴᠢᠯᠠᠭᠴᠢᠳ ᠤᠨ | ᠭᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠤᠭ ᠨᠤᠪᠰᠢ ᠶᠢᠨ ᠰᠠᠪᠠ ᠶᠢᠨ ᠬᠡᠪ ᠲᠦᠷᠢ ᠨᠢ ᠦᠵᠡᠮᠵᠢ ᠶᠢᠨ | ᠤᠷᠤᠨ ᠤ ᠤᠷᠴᠢᠨ ᠲᠤᠭᠤᠷᠢᠨ ᠯᠤᠭ᠎ᠠ ᠬᠠᠷᠢᠯᠴᠠᠨ ᠵᠤᠬᠢᠴᠠᠯᠳᠤᠵᠤ᠂ ᠲᠦᠷᠦᠯ ᠬᠤᠪᠢᠶᠠᠨ ᠬᠤᠷᠢᠶᠠᠨ | ᠴᠤᠭᠯᠠᠭᠤᠯᠬᠤ ᠪᠠ ᠴᠠᠭ ᠲᠤᠬᠠᠢ ᠳᠤᠨᠢ ᠴᠡᠪᠡᠷᠯᠡᠭᠰᠡᠨ ᠪᠠᠶᠢᠳᠠᠯ︔ ᠢᠳᠡᠭᠡᠨ ᠤᠮᠳᠠᠭᠠᠨ ᠤ ᠦᠢᠯᠡᠴᠢᠯᠡᠭᠡ ᠨᠢ | ᠤᠯᠤᠰ ᠤᠨ ᠲᠤᠭᠳᠠᠭᠠᠯ ᠳᠤ ᠨᠡᠶᠢᠴᠡᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯᠳᠡᠳ ᠡᠷᠡᠭᠦᠯ | ᠴᠢᠬᠢᠷᠠᠭ ᠤᠨ ᠦᠨᠡᠮᠯᠡᠯ ᠠᠪᠴᠤ ᠠᠵᠢᠯᠯᠠᠵᠤ ᠪᠠᠶᠢᠭ᠎ᠠ ᠪᠠᠶᠢᠳᠠᠯ᠃ | ︵ᠲᠡᠪᠤ︶ ᠰᠢᠤᠳᠡᠨ ᠬᠤᠯᠪᠤᠭᠠᠨ ᠤ ᠦᠢᠯᠡᠴᠢᠯᠡᠭᠡ ᠶᠢᠨ ᠲᠠᠯ᠎ᠠ ᠪᠠᠷ᠃ ᠰᠢᠤᠳᠡᠨ ᠵᠢᠴᠢ ᠰᠢᠤᠳᠡᠨ ᠤ | ᠲᠤᠷᠠᠰᠬᠠᠯ ᠤᠨ ᠦᠢᠯᠡᠴᠢᠯᠡᠭᠡ ᠬᠠᠩᠭᠠᠭᠰᠠᠨ ᠪᠠᠶᠢᠳᠠᠯ︔ ᠴᠢᠮᠡᠭᠡ ᠨᠡᠪᠳᠡᠷᠡᠭᠦᠯᠭᠡ ᠶᠢᠨ ᠪᠡᠯᠡᠳᠭᠡᠮᠵᠢ | ᠲᠤᠬᠢᠷᠠᠭᠤᠯᠤᠭᠰᠠᠨ ᠪᠠ ᠵᠢᠭᠤᠯᠴᠢᠯᠠᠭᠴᠢᠳ ᠤᠨ ᠭᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠨᠡᠶᠢᠳᠡ ᠶᠢᠨ | ᠤᠳᠠᠰᠤᠨ ᠤ ᠮᠤᠬᠤᠯᠠᠭ ᠨᠢ ᠦᠵᠡᠮᠵᠢ ᠶᠢᠨ ᠤᠷᠤᠨ ᠤ ᠤᠷᠴᠢᠨ ᠲᠤᠭᠤᠷᠢᠨ ᠯᠤᠭ᠎ᠠ ᠬᠠᠷᠢᠯᠴᠠᠨ ᠵᠤᠬᠢᠴᠠᠯᠳᠤᠵᠤ᠂ | ᠲᠤᠭᠳᠠᠮᠠᠯ ᠤᠳᠠᠰᠤ ᠪᠠᠷ ᠲᠤᠰᠬᠤ ᠨᠡᠪᠳᠡᠷᠡᠬᠦᠯᠬᠦ ᠪᠠ ᠭᠠᠷ ᠤᠳᠠᠰᠤᠨ ᠤ ᠰᠠᠭᠠᠳ ᠦᠬᠡᠢ ᠨᠡᠪᠳᠡᠷᠡᠵᠤ ᠪᠠᠶᠢᠭ᠎ᠠ | ᠪᠠᠶᠢᠳᠠᠯ᠃ | ︵ᠵᠢᠷᠭᠤᠭ᠎ᠠ︶ ᠵᠢᠭᠤᠯᠴᠢᠯᠠᠯ ᠤᠨ ᠡᠳ᠋ ᠪᠠᠷᠠᠭ᠎ᠠ ᠬᠤᠳᠠᠯᠳᠤᠨ ᠠᠪᠬᠤ ᠲᠠᠯ᠎ᠠ ᠪᠠᠷ᠃ ᠪᠠᠷᠠᠭ᠎ᠠ ᠬᠤᠳᠠᠯᠳᠤᠨ | ᠠᠪᠬᠤ ᠲᠠᠯᠠᠪᠠᠢ ᠭᠠᠵᠠᠷ ᠤᠨ ᠪᠠᠶᠢᠷᠢᠰᠢᠭᠤᠯᠤᠯᠳᠠ ᠨᠢ ᠵᠤᠬᠢᠰᠳᠠᠢ ᠪᠦᠬᠡᠳ ᠲᠤᠬᠢᠷᠠᠮᠵᠢᠳᠠᠢ ᠪᠠ ᠪᠠᠷᠢᠯᠭ᠎ᠠ ᠶᠢᠨ ᠬᠡᠪ | ᠲᠦᠷᠢ᠂ ᠦᠩᠭᠡ ᠪᠤᠳᠤᠭ᠂ ᠮᠠᠲ᠋ᠧᠷᠢᠶᠡᠯ ᠤᠨ ᠴᠢᠨᠠᠷ ᠨᠢ ᠦᠵᠡᠮᠵᠢ ᠶᠢᠨ ᠤᠷᠤᠨ ᠤ ᠤᠷᠴᠢᠨ ᠲᠤᠭᠤᠷᠢᠨ ᠯᠤᠭ᠎ᠠ | ᠬᠠᠷᠢᠯᠴᠠᠨ ᠵᠤᠬᠢᠴᠠᠯᠳᠤᠬᠰᠠᠨ ᠪᠠᠶᠢᠳᠠᠯ︔ ᠪᠠᠷᠠᠭ᠎ᠠ ᠲᠠᠸᠠᠷ ᠬᠤᠳᠠᠯᠳᠤᠭᠴᠢ ᠨᠢ ᠨᠢᠬᠡᠳᠦᠯᠳᠡᠢ ᠬᠤᠪᠴᠠᠰᠤ ᠬᠤᠨᠠᠷ | ᠡᠮᠦᠰᠴᠤ᠂ ᠬᠤᠪᠴᠠᠰᠤ ᠬᠤᠨᠠᠷ ᠨᠢ ᠦᠪᠡᠷᠮᠢᠴᠡ ᠤᠨᠴᠠᠯᠢᠭ ᠲᠠᠢ ᠪᠠᠶᠢᠬᠤ ᠪᠠᠶᠢᠳᠠᠯ︔ ᠬᠤᠳᠠᠯᠳᠤᠵᠤ ᠪᠠᠶᠢᠭ᠎ᠠ | ᠪᠠᠷᠠᠭ᠎ᠠ ᠲᠠᠸᠠᠷ ᠤᠨ ᠦᠨ᠎ᠡ ᠬᠠᠩᠰᠢ ᠶᠢ ᠢᠯᠡ ᠬᠠᠳᠠᠵᠦ᠂ ᠬᠤᠳᠠᠯᠳᠤᠵᠤ ᠪᠠᠶᠢᠭ᠎ᠠ ᠪᠠᠷᠠᠭ᠎ᠠ ᠲᠠᠸᠠᠷ ᠨᠢ ᠡᠯᠪᠡᠭ | ᠪᠠᠶᠠᠯᠢᠭ ᠮᠦᠷᠳᠡᠭᠡᠨ ᠲᠤᠰ ᠭᠠᠵᠡᠷ ᠤᠷᠤᠨ ᠪᠤᠶᠤ ᠦᠵᠡᠮᠵᠢ ᠶᠢᠨ ᠤᠷᠤᠨ ᠤ ᠤᠨᠴᠠᠯᠢᠭ ᠲᠠᠢ ᠪᠠᠶᠢᠬᠤ ᠪᠠᠶᠢᠳᠠᠯ︔ | ᠪᠠᠷᠠᠭ᠎ᠠ ᠲᠠᠸᠠᠷ ᠬᠤᠳᠠᠯᠳᠤᠨ ᠠᠪᠬᠤ ᠲᠠᠯᠠᠪᠠᠢ ᠭᠠᠵᠠᠷ ᠤᠨ ᠬᠠᠮᠢᠶᠠᠷᠤᠯᠳᠠ ᠶᠢ ᠪᠤᠳᠠᠳᠠᠢ ᠨᠠᠶᠢᠳᠠᠪᠤᠷᠢᠵᠢᠭᠤᠯᠵᠤ᠂ | ᠪᠠᠷᠠᠭ᠎ᠠ ᠲᠠᠸᠠᠷ ᠬᠤᠳᠠᠯᠳᠤᠨ ᠠᠪᠬᠤ ᠤᠷᠴᠢᠨ ᠲᠤᠭᠤᠷᠢᠨ ᠴᠡᠪᠡᠷ ᠲᠡᠭᠰᠢ ᠪᠠᠶᠢᠵᠤ᠂ ᠡᠮᠬᠢ ᠲᠢᠭᠯᠢᠮ ᠨᠢ ᠰᠠᠶᠢᠨ | ᠪᠠᠶᠢᠬᠤ ᠪᠠᠶᠢᠳᠠᠯ᠃ | ︵ᠲᠤᠯᠤᠭ᠎ᠠ︶ ᠡᠵᠡᠩᠨᠡᠨ ᠬᠠᠮᠢᠶᠠᠷᠤᠯᠳᠠ ᠶᠢᠨ ᠲᠠᠯ᠎ᠠ ᠪᠠᠷ᠃ ᠬᠠᠮᠢᠶᠠᠷᠤᠯᠳᠠ ᠶᠢᠨ ᠪᠠᠶᠢᠭᠤᠯᠤᠯ ᠪᠤᠯᠤᠨ | ᠡᠵᠡᠩᠨᠡᠯᠳᠡ ᠶᠢᠨ ᠲᠤᠭᠳᠠᠴᠠ ᠶᠢ ᠪᠦᠷᠢᠨᠰᠢᠬᠦᠯᠦᠭᠰᠡᠨ ᠪᠠᠶᠢᠳᠠᠯ︔ ᠵᠢᠭᠤᠯᠴᠢᠯᠠᠯ ᠤᠨ ᠶᠠᠰᠤ ᠴᠢᠨᠠᠷ᠂ ᠠᠮᠤᠷ | ᠲᠦᠪᠰᠢᠨ᠂ ᠲᠤᠭ᠎ᠠ ᠪᠦᠷᠢᠳᠭᠡᠯ᠂ ᠵᠠᠭᠠᠯᠳᠤᠯᠭ᠎ᠠ ᠵᠡᠷᠭᠡ ᠡᠯ᠎ᠡ ᠵᠦᠢᠯ ᠤᠨ ᠲᠦᠷᠢᠮ ᠢ ᠪᠠᠶᠢᠭᠤᠯᠤᠨ | ᠪᠦᠷᠢᠨᠰᠢᠬᠦᠯᠤᠭ᠍ᠰᠡᠨ ᠵᠢᠴᠢ ᠲᠦᠷᠢᠮ ᠢ ᠪᠦᠳᠦᠮᠵᠢᠳᠠᠢ ᠭᠡᠷᠡᠭᠵᠢᠬᠦᠯᠵᠤ᠂ ᠲᠦᠷᠢᠮ ᠢ ᠭᠡᠷᠡᠭᠵᠢᠬᠦᠯᠦᠭᠰᠡᠨ ᠲᠡᠮᠳᠡᠭᠯᠡᠯ ᠨᠢ | ᠪᠦᠷᠢᠨ ᠪᠦᠳᠦᠨ ᠪᠠᠶᠢᠬᠤ ᠪᠠᠶᠢᠳᠠᠯ︔ ᠦᠪᠡᠷᠮᠢᠴᠡ ᠤᠨᠴᠠᠯᠢᠭ ᠲᠠᠢ ᠪᠦᠳᠦᠭᠡᠭᠳᠡᠭᠦᠨ ᠤ ᠲᠦᠷᠢ ᠲᠦᠷᠬᠦ ᠪᠤᠯᠤᠨ | ᠨᠡᠷᠡᠳᠤ ᠲᠦᠷᠦᠯ ᠲᠡᠮᠳᠡᠭᠳᠤ ᠶᠢᠨ ᠲᠡᠮᠳᠡᠭ ᠢ ᠦᠷᠭᠡᠨ ᠲᠡᠯᠭᠡᠷ ᠵᠦᠪ ᠤᠨᠤᠪᠴᠢᠳᠠᠢ ᠭᠡᠷᠡᠭᠯᠡᠭᠰᠡᠨ ᠪᠠᠶᠢᠳᠠᠯ᠃ | ᠠᠵᠢᠯᠳᠠᠨ ᠲᠤ ᠲᠤᠭᠳᠠᠮᠠᠯ ᠬᠤᠭᠤᠴᠠᠭ᠎ᠠ ᠲᠠᠢ ᠪᠤᠯᠪᠠᠰᠤᠷᠠᠭᠤᠯᠤᠯ ᠬᠢᠵᠤ᠂ ᠠᠵᠢᠯᠳᠠᠳ ᠤᠨ ᠨᠢᠬᠡᠳᠦᠯᠳᠡᠢ ᠬᠤᠪᠴᠠᠰᠤ | ᠬᠤᠨᠠᠷ ᠪᠤᠯᠤᠨ ᠠᠵᠢᠯᠳᠠᠳ ᠤᠨ ᠠᠵᠢᠯ ᠤᠨ ᠲᠡᠮᠳᠡᠭ ᠢᠶᠠᠨ ᠵᠡᠬᠦᠭᠰᠡᠨ᠂ ᠬᠤᠪᠴᠠᠰᠤ ᠬᠤᠨᠠᠷ ᠨᠢ ᠦᠵᠡᠮᠵᠢ ᠶᠢᠨ | ᠤᠷᠤᠨ ᠤ ᠤᠷᠴᠢᠨ ᠲᠤᠭᠤᠷᠢᠨ ᠯᠤᠭ᠎ᠠ ᠬᠠᠷᠢᠯᠴᠠᠨ ᠵᠤᠬᠢᠴᠠᠯᠳᠤᠵᠤ᠂ ᠦᠵᠡᠮᠵᠢ ᠶᠢᠨ ᠤᠷᠤᠨ ᠤ ᠤᠨᠴᠠᠯᠢᠭ ᠢ | ᠲᠤᠪᠤᠶᠢᠯᠭᠠᠬᠤ ᠦᠢᠯᠡᠳᠦᠯ ᠦᠵᠡᠬᠦᠯᠦᠭᠰᠡᠨ ᠪᠠᠶᠢᠳᠠᠯ︔ ᠦᠵᠡᠮᠵᠢ ᠶᠢᠨ ᠤᠷᠤᠨ ᠤ ᠲᠤᠬᠳᠠᠭᠠᠭᠰᠠᠨ | ᠲᠦᠯᠦᠪᠵᠢᠬᠦᠯᠬᠡ᠂ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠨᠢ ᠲᠦᠯᠦᠪᠵᠢᠬᠦᠯᠭᠡ ᠶᠢᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠳᠠᠯ︔ ᠨᠠᠰᠤᠳᠠᠶᠢᠴᠤᠳ᠂ ᠬᠡᠤᠭᠡᠳ ᠪᠠᠭᠠᠴᠤᠳ ᠪᠤᠯᠤᠨ ᠵᠠᠮᠳᠡᠭᠴᠤᠳ ᠲᠤ ᠲᠤᠬᠢᠷᠠᠭᠤᠯᠤᠭᠰᠠᠨ | ᠦᠢᠯᠡᠴᠢᠯᠡᠭᠡᠨ ᠤ ᠪᠡᠯᠡᠳᠬᠡᠮᠵᠢ ᠪᠠ ᠤᠨᠴᠠᠭᠠᠢ ᠦᠢᠯᠡᠴᠢᠯᠡᠭᠡ ᠬᠠᠩᠭᠠᠭᠰᠠᠨ ᠪᠠᠶᠢᠳᠠᠯ᠃ | ︵ᠨᠠᠢᠮᠠ︶ ᠡᠬᠢ ᠪᠠᠶᠠᠯᠢᠭ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠠᠯ᠎ᠠ ᠪᠠᠷ᠃ ᠠᠭᠠᠷ | ᠮᠠᠨᠳᠠᠯ ᠤᠨ ᠶᠠᠰᠤ ᠴᠢᠨᠠᠷ᠂ ᠱᠤᠤᠬᠢᠶᠠᠨ ᠤ ᠶᠠᠰᠤ ᠴᠢᠨᠠᠷ᠂ ᠭᠠᠵᠠᠷ ᠤᠨ ᠭᠠᠳᠠᠷᠭᠤ ᠶᠢᠨ ᠤᠰᠤᠨ ᠤ ᠤᠷᠴᠢᠨ | ᠲᠤᠭᠤᠷᠢᠨ ᠤ ᠶᠠᠰᠤ ᠴᠢᠨᠠᠷ᠂ ᠪᠤᠬᠢᠷ ᠤᠰᠤᠨ ᠤ ᠭᠠᠳᠠᠭᠰᠢᠯᠠᠭᠤᠯᠤᠯᠳᠠ ᠨᠢ ᠤᠯᠤᠰ ᠤᠨ ᠪᠠᠷᠢᠮᠵᠢᠶ᠎ᠠ ᠶᠢᠨ | ᠲᠤᠭᠳᠠᠭᠠᠯ ᠳᠤ ᠭᠦᠷᠦᠭᠰᠡᠨ ᠪᠠᠶᠢᠳᠠᠯ︔ ᠪᠠᠶᠢᠭᠠᠯᠢ ᠶᠢᠨ ᠦᠵᠡᠮᠵᠢ ᠪᠠ ᠲᠡᠤᠭᠡ ᠶᠢᠨ ᠲᠤᠷᠠᠰᠬᠠᠯᠳᠤ ᠵᠦᠢᠯᠡᠰ | ᠡᠷᠳᠡᠨ ᠤ ᠦᠯᠡᠳᠡᠭᠳᠡᠯ ᠢ ᠰᠢᠨᠵᠢᠯᠡᠬᠦ ᠤᠬᠠᠭᠠᠨᠴᠢ ᠪᠠᠷ ᠦᠷ᠎ᠡ ᠪᠦᠳᠦᠮᠵᠢᠳᠠᠢ ᠪᠠᠷ ᠬᠠᠮᠠᠭᠠᠯᠠᠭᠰᠠᠨ ᠵᠢᠴᠢ ᠦᠨᠡᠨ | ᠪᠤᠳᠠᠳᠤ ᠴᠢᠨᠠᠷ ᠪᠠ ᠪᠦᠷᠢᠨ ᠪᠦᠳᠦᠨ ᠴᠢᠨᠠᠷ ᠢᠶᠠᠨ ᠬᠠᠳᠠᠭᠠᠯᠠᠭᠰᠠᠨ ᠪᠠᠶᠢᠳᠠᠯ︔ ᠦᠵᠡᠮᠵᠢ ᠶᠢᠨ ᠤᠷᠤᠨ ᠤ ᠪᠦᠬᠦᠯᠢ | ᠴᠤᠭᠴᠠ ᠶᠢᠨ ᠪᠠᠷᠢᠯᠭ᠎ᠠ ᠶᠢᠨ ᠪᠠᠶᠢᠷᠢᠰᠢᠭᠤᠯᠤᠯ ᠨᠢ ᠵᠦᠢ ᠵᠤᠬᠢᠰᠳᠠᠢ᠂ ᠪᠠᠷᠢᠯᠭ᠎ᠠ ᠶᠢᠨ ᠪᠠᠭᠳᠠᠭᠠᠮᠵᠢ᠂ | ᠮᠠᠲ᠋ᠧᠷᠢᠶᠡᠯ ᠤᠨ ᠴᠢᠨᠠᠷ᠂ ᠦᠨᠳᠦᠷᠴᠡ᠂ ᠦᠩᠬᠡ ᠪᠤᠳᠤᠭ᠂ ᠬᠡᠪ ᠲᠦᠷᠢ ᠨᠢ ᠦᠵᠡᠮᠵᠢ ᠶᠢᠨ ᠤᠷᠤᠨ ᠤ ᠤᠷᠴᠢᠨ | ᠲᠤᠭᠤᠷᠢᠨ ᠯᠤᠭ᠎ᠠ ᠵᠤᠬᠢᠴᠠᠯᠳᠤᠭᠰᠠᠨ ᠪᠠᠶᠢᠳᠠᠯ︔ ᠤᠷᠤᠵᠤ ᠭᠠᠷᠬᠤ ᠡᠭᠦᠳᠡᠨ ᠤ ᠭᠤᠤᠯ ᠴᠤᠭᠴᠠᠳᠤ ᠪᠠᠷᠢᠯᠭ᠎ᠠ ᠨᠢ | ᠦᠪᠡᠷᠮᠢᠴᠡ ᠤᠨᠴᠠᠯᠢᠭ ᠲᠠᠢ ᠪᠠᠶᠢᠵᠤ᠂ ᠦᠵᠡᠮᠵᠢ ᠶᠢᠨ ᠤᠷᠤᠨ ᠤ ᠤᠷᠴᠢᠨ ᠲᠤᠭᠤᠷᠢᠨ ᠯᠤᠭ᠎ᠠ ᠬᠠᠷᠢᠯᠴᠠᠨ | ᠵᠤᠬᠢᠴᠠᠯᠳᠤᠭᠰᠠᠨ ᠪᠠᠶᠢᠳᠡᠯ︔ ᠦᠵᠡᠮᠵᠢ ᠶᠢᠨ ᠤᠷᠤᠨ ᠤ ᠪᠦᠬᠦᠯᠢ ᠴᠤᠭᠴᠠ ᠶᠢᠨ ᠤᠷᠴᠢᠨ ᠲᠤᠭᠤᠷᠢᠨ᠂ | ᠨᠤᠭᠤᠭᠠᠷᠠᠭᠤᠯᠤᠯᠳᠠ ᠪᠠ ᠭᠤᠶᠤᠵᠢᠭᠤᠯᠤᠯᠳᠠ ᠶᠢᠨ ᠦᠷ᠎ᠡ ᠪᠦᠳᠦᠮᠵᠢ ᠶᠢᠨ ᠪᠠᠶᠢᠳᠠᠯ︔ ᠡᠯ᠎ᠡ ᠵᠦᠢᠯ ᠤᠨ | ᠬᠤᠭᠤᠯᠠᠢ ᠭᠤᠤᠷᠰᠤ ᠶᠢ ᠭᠠᠵᠠᠷ ᠤᠨ ᠲᠤᠤᠷ᠎ᠠ ᠲᠡᠯᠳᠡ ᠲᠡᠪᠢᠰᠬᠦ ᠠᠷᠭ᠎ᠠ ᠮᠠᠶ᠋ᠢᠭ ᠢᠶᠠᠷ ᠲᠡᠪᠢᠰᠴᠤ᠂ ᠦᠵᠡᠮᠵᠢ | ᠪᠠᠶᠢᠳᠠᠯ ᠤᠨ ᠤᠷᠴᠢᠨ ᠲᠤᠭᠤᠷᠢᠨ ᠤ ᠪᠦᠷᠢᠨ ᠪᠦᠳᠦᠨ ᠴᠢᠨᠠᠷ ᠢ ᠪᠠᠳᠤᠯᠠᠭᠰᠠᠨ ᠪᠠᠶᠢᠳᠠᠯ︔ ᠵᠢᠭᠤᠯᠴᠢᠯᠠᠯ ᠤᠨ | ᠦᠵᠡᠮᠵᠢ ᠶᠢᠨ ᠤᠷᠤᠨ ᠤ ᠤᠶᠢᠷ᠎ᠡ ᠬᠠᠪᠢ ᠶᠢᠨ ᠤᠷᠴᠢᠨ ᠲᠤᠭᠤᠷᠢᠨ ᠤ ᠴᠡᠪᠡᠷ ᠲᠡᠭᠰᠢ ᠪᠠᠶᠢᠳᠠᠯ᠂ ᠡᠷᠦᠢ ᠬᠤᠷᠤᠢ | ᠦᠬᠡᠢ ᠤᠪᠤᠭᠠᠯᠠᠬᠤ᠂ ᠲᠠᠯᠪᠢᠬᠤ᠂ ᠪᠠᠷᠢᠬᠤ ᠪᠠ ᠬᠤᠭ ᠨᠤᠪᠰᠢ ᠶᠢ ᠡᠷᠦᠢ ᠬᠤᠷᠤᠢ ᠦᠬᠡᠢ ᠬᠠᠶᠠᠭᠰᠠᠨ ᠪᠠᠶᠢᠳᠠᠯ | ᠪᠠᠶᠢᠬᠤ ᠡᠰᠡᠬᠦ᠃ | | |