ᠰᠢᠯᠢ ᠵᠠᠬᠢᠷᠭ᠎ᠠ ᠠᠯᠪᠠᠨ ᠳᠠᠷᠬᠠᠭᠠᠭᠰᠠᠨ [ 2 0 1 3 ] 5 ᠳ᠋ᠤᠭᠠᠷ ᠳᠤᠭᠠᠳᠤ | | 《 ᠰᠢᠯᠢ ᠶᠢᠨ ᠭᠤᠤᠯ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠳᠡᠩᠴᠡᠬᠦᠷᠢᠳᠡᠢ ᠬᠥᠭᠵᠢᠯᠳᠡ ᠶᠢ ᠳᠥᠯᠬᠢᠨ ᠠᠬᠢᠭᠤᠯᠬᠤ ᠳᠥᠯᠥᠪᠵᠢᠬᠦᠯᠬᠡ 》 ᠶᠢ | ᠳᠠᠷᠤᠮᠠᠯᠯᠠᠨ ᠳᠠᠷᠬᠠᠭᠠᠬᠤ ᠳᠤᠬᠠᠢ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠡᠳᠡᠭᠳᠡᠯ | | ᠡᠯ᠎ᠡ ᠬᠤᠰᠢᠭᠤ ᠰᠢᠶᠡᠨ ᠬᠤᠳᠠ ( ᠤᠷᠤᠨ ) ᠶᠢᠨ ᠠᠷᠠᠳ ᠤᠨ ᠵᠠᠰᠠᠭ ᠤᠨ ᠤᠷᠳᠤᠨ ( ᠬᠠᠮᠢᠶᠠᠷᠤᠯᠳᠠ | ᠶᠢᠨ ᠵᠥᠪᠯᠡᠯ ) ᠂ ᠵᠠᠬᠢᠷᠭ᠎ᠠ ᠶᠢᠨ ᠡᠯ᠎ᠡ ᠵᠥᠪᠯᠡᠯ ᠂ ᠠᠯᠪᠠᠨ ᠬᠡᠷ ᠂ ᠳᠤᠪᠴᠢᠶᠡᠨ ᠳᠤ ᠄ | ᠪᠥᠬᠦ ᠠᠶᠢᠮᠠᠭ ᠶᠢᠰᠤᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠢᠷᠢ ᠳᠥᠪᠰᠢᠨ ᠢ | ᠪᠠᠬᠢᠵᠢᠬᠦᠯᠥᠨ ᠳᠡᠭᠡᠭᠰᠢᠯᠡᠬᠦᠯᠵᠤ ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠠᠬᠦᠷᠢᠳᠡᠢ ᠬᠥᠭᠵᠢᠯᠳᠡ | ᠶᠢ ᠠᠬᠢᠭᠤᠯᠬᠤ ᠶᠢᠨ ᠳᠤᠰᠠᠳᠠ ᠂ ︽ᠰᠢᠯᠢ ᠶᠢᠨ ᠭᠤᠤᠯ ᠠᠶᠢᠮᠠᠭ ᠤᠨ ᠠᠯᠪᠠᠨ ᠵᠢᠷᠤᠮ ᠤᠨ ᠰᠤᠷᠭᠠᠨ | ᠬᠥᠮᠥᠵᠢᠯ ᠤᠨ ᠳᠡᠩᠴᠠᠬᠦᠷᠢᠳᠡᠢ ᠬᠥᠭᠵᠢᠯᠳᠡ ᠶᠢ ᠳᠥᠯᠬᠢᠨ ᠠᠬᠢᠭᠤᠯᠬᠤ ᠳᠥᠯᠥᠪᠵᠢᠬᠦᠯᠬᠡ ︾ ᠶᠢ ᠳᠠᠨᠠᠷ ᠲᠤ | ᠳᠠᠠᠷᠤᠮᠠᠯᠯᠠᠨ ᠳᠠᠷᠬᠠᠭᠠᠯ᠎ᠠ ᠂ ᠬᠤᠯᠪᠤᠭᠳᠠᠯ ᠪᠥᠬᠦᠢ ᠰᠠᠯᠠᠭ᠎ᠠ ᠮᠥᠴᠢᠷ ᠨᠠᠷᠢᠨ ᠬᠢᠨᠠᠮᠠᠭᠠᠢ ᠵᠢᠷᠥᠮᠯᠠᠨ ᠬᠡᠷᠡᠭᠵᠢᠬᠦᠯᠳᠥᠬᠡᠢ | ᠃ | ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠳᠢᠩᠬᠢᠮ | 2 0 1 3 ᠤᠨ ᠤ 1 ᠳ᠋ᠤᠬᠡᠷ ᠰᠠᠷ᠎ᠠ ᠶᠢᠨ 1 8 ᠤ ᠡᠳᠤᠷ | ᠰᠢᠯᠢ ᠶᠢᠨ ᠭᠤᠤᠯ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠳᠡᠩᠴᠡᠬᠦᠷᠢᠳᠡᠢ ᠬᠥᠭᠵᠢᠯᠳᠡ ᠶᠢ ᠳᠥᠯᠬᠢᠨ ᠠᠬᠢᠭᠤᠯᠬᠤ ᠳᠥᠯᠥᠪᠵᠢᠬᠦᠯᠬᠡ | ᠨᠢᠬᠡ ᠂ ᠬᠥᠭᠵᠢᠯᠳᠡ ᠶᠢᠨ ᠤᠳᠤᠬᠢ ᠪᠠᠶᠢᠳᠠᠯ | ᠤᠳᠤᠬᠠᠨ ᠳᠤ ᠪᠥᠬᠦ ᠠᠶᠢᠮᠠᠭ ᠲᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠳᠤᠨ ᠤ ᠰᠤᠷᠭᠠᠭᠤᠯᠢ | 1 2 4 ᠪᠤᠢ ᠂ ᠡᠬᠦᠨ ᠳᠤ ᠄ 8 7 ᠪᠠᠭ᠎ᠠ ᠰᠤᠷᠭᠠᠭᠤᠯᠢ ᠂ 2 3 ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ | ᠂ 1 1 ᠪᠥᠷᠢᠨ ᠳᠤᠮᠳᠠᠳᠤ ᠰᠤᠷᠭᠠᠭᠤᠯᠢ ᠂ 3 ᠶᠢᠰᠤᠨ ᠵᠢᠯ ᠤᠨ ᠳᠥᠷᠢᠮᠳᠤ ᠰᠤᠷᠭᠠᠭᠤᠯᠢ ᠪᠤᠢ ᠃ ᠠᠯᠪᠠᠨ | ᠵᠢᠷᠤᠮ ᠤᠨ ᠰᠤᠷᠭᠠᠨ ᠬᠥᠮᠥᠵᠢᠯ ᠤᠨ ᠱᠠᠳᠤᠨ ᠤ ᠰᠤᠷᠭᠠᠭᠤᠯᠢ ᠳᠤ ᠰᠠᠭᠤᠭ᠎ᠠ ᠰᠤᠷᠤᠭᠴᠢ 9 3 4 4 9 | ᠨᠡᠷ᠎ᠡ ᠂ ᠡᠬᠦᠨ ᠳᠤ ᠪᠠᠭ᠎ᠠ ᠰᠤᠷᠭᠠᠭᠤᠯᠢ ᠶᠢᠨ ᠰᠤᠷᠤᠭᠴᠢ 6 0 9 1 8 ᠨᠡᠷ᠎ᠡ ᠂ ᠠᠩᠬ᠎ᠠ ᠳᠤᠮᠳᠠᠳᠤ ᠶᠢᠨ | ᠰᠤᠷᠤᠭᠴᠢ 3 2 5 3 1 ᠨᠡᠷ᠎ᠡ᠃ 2 0 0 5 ᠤᠨ ᠳᠤ ᠪᠥᠬᠦ ᠠᠶᠢᠮᠠᠭ ᠢᠶᠠᠷ ᠢᠶᠠᠨ ︽ᠬᠤᠶᠠᠷ ᠢ | ᠥᠨᠳᠥᠰᠥᠨ ᠳᠡᠭᠡᠨ ᠪᠠᠷᠢᠮᠵᠢᠶᠡᠨ ᠳᠤ ᠬᠥᠷᠬᠡᠵᠤ ︾᠂ 2 0 0 7 ᠤᠨ ᠳᠤ ᠤᠯᠤᠰ ᠤᠨ ᠰᠤᠷᠭᠠᠨ ᠬᠥᠮᠥᠵᠢᠯ | ᠤᠨ ᠱᠠᠭᠠᠷᠳᠠᠨ ᠵᠢᠯᠤᠭᠤᠳᠬᠤ ᠳᠤᠭᠤᠢᠢᠯᠠᠩ ᠤᠨ ︽ᠬᠤᠶᠡᠷ ᠢ ᠥᠨᠳᠥᠰᠥᠨ ᠳᠡᠭᠡᠨ ᠪᠠᠷᠢᠮᠵᠢᠶᠡᠨ ᠳᠤ | ᠬᠥᠷᠬᠡᠬᠦ ︾ ᠪᠠᠶᠢᠴᠠᠭᠠᠯᠳᠠ ᠳᠤ ᠬᠢᠷᠢ ᠳᠡᠩᠴᠡᠵᠡᠢ ; 2 0 1 0 ᠤᠨ ᠪᠤᠯᠬᠤ ᠳᠤ ᠂ ᠥᠪᠡᠷᠳᠡᠬᠡᠨ | ᠵᠠᠰᠠᠬᠤ ᠤᠷᠤᠨ ᠤ ︽ᠬᠤᠶᠡᠷ ᠢ ᠥᠨᠳᠥᠰᠥᠨ ᠳᠡᠭᠡᠨ ᠪᠠᠷᠢᠮᠵᠢᠶᠡᠨ ᠳᠤ ᠬᠥᠷᠬᠡᠭᠰᠡᠨ ︾ ᠥᠷ᠎ᠡ ᠪᠥᠲᠥᠮᠵᠢ ᠶᠢ | ᠪᠠᠬᠢᠵᠢᠬᠦᠯᠥᠨ ᠳᠡᠭᠡᠭᠰᠢᠯᠡᠬᠦᠯᠬᠦ ᠳᠠᠬᠢᠨ ᠪᠠᠶᠢᠴᠠᠭᠠᠯᠳᠠ ᠳᠤ 6 ᠬᠤᠰᠢᠭᠤ ᠬᠢᠷᠢ ᠳᠡᠩᠴᠡᠭᠰᠡᠨ ᠮᠥᠷᠳᠡᠬᠡᠨ ︽ᠬᠤᠶᠡᠷ | ᠢ ᠥᠨᠳᠥᠰᠥᠨ ᠳᠡᠭᠡᠨ ᠪᠠᠷᠢᠮᠵᠢᠶᠡᠨ ᠳᠤ ᠬᠥᠷᠬᠡᠭᠰᠡᠨ ︾ ᠥᠷ᠎ᠡ ᠪᠥᠲᠥᠮᠵᠢ ᠶᠢ ᠪᠠᠬᠢᠵᠢᠬᠦᠯᠥᠨ ᠳᠡᠭᠡᠭᠰᠢᠯᠡᠬᠦᠯᠬᠦ | ᠠᠵᠢᠯ ᠤᠨ ᠳᠠᠷᠢᠬᠦᠨ ᠤ ᠬᠤᠰᠢᠭᠤ ᠪᠠᠷ ᠰᠤᠩᠭᠤᠭᠳᠠᠵᠠᠢ ; ᠪᠠᠷᠠᠭᠤᠨ ᠥᠵᠥᠮᠥᠴᠢᠨ ᠬᠤᠰᠢᠭᠤ ︽ᠪᠥᠬᠦ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢᠨ ᠠᠵᠢᠯ ᠤᠨ | ᠳᠡᠷᠢᠬᠦᠨ ᠤ ᠭᠠᠵᠠᠷ ᠤᠷᠤᠨ ︾᠂ ᠪᠥᠬᠦ ᠤᠷᠤᠨ ᠤ ᠠᠩᠬᠠᠳᠠᠭᠴᠢ ︽ᠬᠤᠶᠠᠷ ᠥᠨᠳᠥᠷ ᠶᠢᠰᠤ ᠶᠢ | ᠳᠥᠬᠡᠮᠡᠯᠵᠢᠬᠦᠯᠥᠭᠰᠡᠨ ︾ ᠮᠠᠯᠵᠢᠬᠤ ᠬᠤᠰᠢᠭᠤ ᠪᠠᠷ ᠰᠤᠩᠭᠤᠭᠳᠠᠵᠠᠢ ᠃ ︽ᠬᠤᠶᠠᠷ ᠢ ᠥᠨᠳᠥᠰᠥᠨ ᠳᠡᠭᠡᠨ | ᠪᠠᠷᠢᠮᠵᠢᠶᠡᠨ ᠳᠤ ᠬᠥᠷᠬᠡᠬᠦ ︾ ᠶᠢ ᠳᠠᠭᠠᠯᠳᠤᠨ ᠂ ᠶᠢᠰᠤᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠢ | ᠳᠥᠬᠡᠮᠡᠯᠵᠢᠬᠦᠯᠬᠦ ᠠᠵᠢᠯ ᠢ ᠳᠡᠰᠤᠷᠠᠯᠳᠠ ᠥᠬᠡᠢ ᠪᠠᠬᠢᠵᠢᠬᠦᠯᠥᠨ ᠳᠡᠭᠡᠭᠰᠢᠯᠡᠬᠦᠯᠵᠤ ᠂ ᠰᠤᠷᠭᠠᠭᠤᠯᠢ ᠶᠢᠨ ᠨᠠᠰᠤᠨ | ᠤ ᠬᠡᠤᠬᠡᠳ ᠪᠠᠭᠠᠴᠤᠳ ︽ᠰᠠᠭᠤᠬᠤ ᠰᠤᠷᠭᠠᠭᠤᠯᠢ ᠲᠠᠢ ᠪᠠᠶᠢᠬᠤ ︾ ᠠᠰᠠᠭᠤᠳᠠᠯ ᠢ ᠥᠨᠳᠥᠰᠥᠨ ᠠᠴᠠ ᠨᠢ | ᠰᠢᠢᠳᠪᠤᠷᠢᠯᠠᠵᠠᠢ ᠃ ᠬᠡᠪᠡᠴᠤ ᠭᠠᠵᠠᠷ ᠤᠷᠤᠨ ᠤ ᠬᠤᠭᠤᠷᠤᠨᠳᠤᠬᠢ ᠂ ᠬᠤᠳᠠ ᠬᠥᠳᠡᠭᠡ ᠶᠢᠨ ᠬᠤᠭᠤᠷᠤᠨᠳᠤᠬᠢ ᠂ | ᠰᠤᠷᠭᠠᠭᠤᠯᠢ ᠨᠤᠭᠤᠳ ᠤᠨ ᠬᠤᠭᠤᠷᠤᠨᠳᠤᠬᠢ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠪᠤᠯᠤᠨ ᠰᠤᠷᠭᠠᠨ ᠬᠥᠮᠥᠵᠢᠯ | ᠤᠨ ᠶᠠᠰᠤ ᠴᠢᠨᠠᠷ ᠮᠥᠨ ᠯᠡ ᠮᠡᠳᠡᠭᠳᠡᠮ᠎ᠡ ᠵᠥᠷᠢᠶ᠎ᠡ ᠲᠠᠢ ᠪᠠᠶᠢᠵᠤ ᠂ ᠠᠷᠠᠳ ᠤᠯᠠᠨ ᠤ ᠳᠠᠰᠤᠷᠠᠯᠳᠠ ᠥᠬᠡᠢ | ᠳᠡᠭᠡᠭᠰᠢᠯᠡᠵᠤ ᠪᠠᠶᠢᠭ᠎ᠠ ᠰᠤᠷᠭᠠᠨ ᠬᠥᠮᠥᠵᠢᠯ ᠤᠨ ᠬᠡᠷᠡᠭᠴᠡᠭᠡ ᠬᠢᠬᠡᠳ ᠬᠠᠩᠭᠠᠯᠭ᠎ᠠ ᠬᠥᠷᠥᠯᠴᠡᠬᠦ ᠥᠭᠡᠢ ᠵᠥᠷᠢᠴᠡᠯ | ᠮᠥᠨ ᠯᠡ ᠳᠤᠪᠤᠶᠢᠮ᠎ᠠ ᠪᠠᠶᠢᠭᠰᠠᠭᠠᠷ ᠶᠤᠮ ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ | ᠬᠥᠭᠵᠢᠯᠳᠡ ᠶᠢ ᠬᠥᠨᠵᠡᠬᠡᠢ ᠳᠥᠯᠬᠢᠨ ᠠᠬᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠪᠠ | ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠬᠥᠴᠥᠯᠠᠨ ᠳᠡᠭᠡᠭᠰᠢᠯᠡᠬᠦᠯᠵᠤ ᠂ ᠠᠯᠪᠠᠨ | ᠵᠢᠷᠤᠮ ᠤᠨ ᠰᠤᠷᠭᠠᠨ ᠬᠥᠮᠥᠵᠢᠯ ᠤᠨ ᠶᠠᠰᠤ ᠴᠢᠨᠠᠷ ᠢ ᠪᠥᠬᠦ ᠳᠠᠯ᠎ᠠ ᠪᠠᠷ ᠳᠡᠭᠡᠭᠰᠢᠯᠡᠬᠦᠯᠵᠤ ᠂ ᠰᠤᠷᠭᠠᠭᠤᠯᠢ ᠶᠢᠨ | ᠨᠠᠰᠤᠨ ᠤ ᠬᠡᠤᠬᠡᠳ ᠪᠠᠭᠠᠴᠤᠳ ᠢ ᠴᠥᠮ ︽ᠰᠠᠶᠢᠨ ᠰᠤᠷᠭᠠᠭᠤᠯᠢ ᠳᠤ ᠰᠤᠷᠤᠯᠴᠠᠭᠤᠯᠬᠤ ︾ ᠪᠠᠷ ᠬᠥᠴᠥᠯᠠᠨ | ᠴᠢᠷᠮᠠᠶᠢᠬᠤ ᠪᠤᠯ ᠂ ᠤᠳᠤᠬᠠᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠥᠭᠵᠢᠯᠳᠡ ᠶᠢᠨ ᠴᠢᠬᠤᠯᠠ | ᠡᠬᠦᠷᠬᠡ ᠪᠤᠯᠤᠨ᠎ᠠ ᠃ ᠡᠨᠡ ᠨᠢ ᠬᠥᠮᠥᠨ ᠢᠶᠠᠷ ᠥᠨᠳᠥᠰᠥ ᠪᠤᠯᠭᠠᠵᠤ ᠬᠥᠮᠥᠨ ᠤ ᠪᠥᠬᠦ ᠳᠠᠯ᠎ᠠ ᠶᠢᠨ ᠬᠥᠭᠵᠢᠯᠳᠡ | ᠶᠢ ᠠᠬᠢᠭᠤᠯᠬᠤ ᠂ ᠰᠤᠷᠭᠠᠨ ᠬᠥᠮᠥᠵᠢᠯ ᠤᠨ ᠥᠬᠡᠷᠡᠴᠢᠯᠡᠯᠳᠡ ᠶᠢ ᠬᠥᠨᠵᠡᠬᠡᠶᠢᠷᠡᠬᠦᠯᠬᠦ ᠂ ᠠᠯᠪᠠᠨ ᠵᠢᠷᠤᠮ ᠤᠨ | ᠰᠤᠷᠭᠠᠨ ᠬᠥᠮᠥᠵᠢᠯ ᠤᠨ ᠬᠥᠨ ᠳᠡᠰ ᠳᠠᠪᠬᠤᠷᠭ᠎ᠠ ᠳᠠᠬᠢ ᠵᠥᠷᠢᠴᠡᠯ ᠢ ᠰᠢᠢᠳᠪᠤᠷᠢᠯᠡᠬᠦ ᠂ ᠰᠤᠷᠭᠠᠨ ᠬᠥᠮᠥᠵᠢᠯ | ᠤᠨ ᠥᠢᠯᠡᠰ ᠤᠨ ᠰᠢᠨᠵᠢᠯᠡᠬᠦ ᠤᠬᠠᠭᠠᠨᠴᠢ ᠬᠥᠭᠵᠢᠯᠳᠡ ᠶᠢ ᠠᠬᠢᠭᠤᠯᠬᠤ ᠂ ᠰᠤᠷᠭᠠᠨ ᠬᠥᠮᠥᠵᠢᠯ ᠤᠨ ᠡᠷᠬᠡ | ᠳᠡᠭᠰᠢ ᠶᠢ ᠠᠬᠢᠭᠤᠯᠬᠤ ᠂ ᠨᠡᠶᠢᠬᠡᠮ ᠵᠢᠷᠤᠮ ᠤᠨ ᠡᠶ᠎ᠡ ᠵᠤᠬᠢᠴᠠᠯᠳᠤ ᠨᠡᠶᠢᠬᠡᠮ ᠢ ᠪᠠᠶᠢᠭᠤᠯᠬᠤ ᠳᠤ ᠴᠥᠮ ᠳᠥᠢᠯ | ᠤᠨ ᠴᠢᠬᠤᠯᠠ ᠠᠴᠢ ᠬᠤᠯᠪᠤᠭᠳᠠᠯ ᠲᠠᠢ ᠶᠤᠮ ᠃ | ᠬᠤᠶᠠᠷ ᠂ ᠠᠵᠢᠯ ᠤᠨ ᠬᠠᠷᠠᠯᠳᠠ | ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢ ᠠᠬᠢᠭᠤᠯᠬᠤ ᠥᠨᠳᠥᠰᠥᠨ | ᠬᠠᠷᠠᠯᠳᠠ ᠪᠤᠯ ᠄ ᠰᠤᠷᠭᠠᠭᠤᠯᠢ ᠪᠥᠬᠦᠨ ᠢ ᠰᠤᠷᠭᠠᠭᠤᠯᠢ ᠡᠷᠬᠢᠯᠡᠬᠦ ᠤᠯᠤᠰ ᠤᠨ ᠪᠠᠷᠢᠮᠵᠢᠶᠡᠨ ᠳᠤ ᠬᠥᠷᠬᠡᠵᠤ ᠂ | ᠰᠤᠷᠭᠠᠭᠤᠯᠢ ᠡᠷᠬᠢᠯᠡᠬᠦ ᠵᠠᠷᠤᠳᠠᠯ ᠢ ᠪᠠᠳᠤᠯᠠᠨ᠎ᠠ ᠃ ᠰᠤᠷᠭᠠᠨ ᠬᠥᠮᠥᠵᠢᠯ ᠤᠨ ᠡᠬᠢ ᠰᠤᠷᠪᠤᠯᠵᠢ ᠨᠢ ᠰᠤᠷᠭᠠᠭᠤᠯᠢ | ᠶᠢᠨ ᠰᠤᠷᠭᠠᠨ ᠬᠥᠮᠥᠵᠢᠯ ᠤᠨ ᠬᠡᠷᠡᠭᠴᠡᠭᠡ ᠶᠢ ᠬᠠᠩᠭᠠᠵᠤ ᠂ ᠤᠯᠤᠰ ᠠᠴᠠ ᠳᠤᠭᠳᠠᠭᠠᠭᠰᠠᠨ ᠬᠢᠴᠢᠶᠡᠯ ᠢ | ᠪᠥᠬᠦᠨ ᠢ ᠤᠷᠤᠨ᠎ᠠ ᠃ ᠪᠠᠭᠰᠢᠨᠠᠷ ᠢ ᠨᠡᠩ ᠵᠤᠬᠢᠰᠳᠡᠢ ᠳᠤᠬᠢᠷᠠᠭᠤᠯᠵᠤ ᠂ ᠪᠠᠭᠰᠢᠨᠠᠷ ᠤᠨ ᠪᠥᠬᠦᠯᠢ ᠴᠤᠭᠴᠠ | ᠶᠢᠨ ᠬᠡᠪ ᠴᠢᠨᠠᠷ ᠢ ᠳᠡᠭᠡᠭᠰᠢᠯᠡᠬᠦᠯᠥᠨ᠎ᠡ ᠃ ᠰᠤᠷᠭᠠᠭᠤᠯᠢ ᠶᠢᠨ ᠠᠩᠬᠢ ᠶᠢᠨ ᠬᠡᠪᠴᠢᠶ᠎ᠡ ᠨᠢ ᠤᠯᠤᠰ ᠤᠨ | ᠳᠤᠭᠳᠠᠭᠰᠠᠨ ᠪᠠᠷᠢᠮᠵᠢᠶᠡᠨ ᠳᠤ ᠬᠥᠷᠴᠤ ᠂ ︽ᠶᠡᠭᠡ ᠠᠩᠬᠢ ︾ ᠶᠢᠨ ᠥᠵᠡᠭᠳᠡᠯ ᠢ ᠥᠬᠡᠶᠢᠰᠬᠡᠨᠡ ᠃ ᠡᠯ᠎ᠡ | ᠬᠤᠰᠢᠭᠤ ᠰᠢᠶᠡᠨ ᠬᠤᠳᠠ ( ᠤᠷᠤᠨ ) ᠶᠠᠭᠤᠨ ᠤ ᠡᠮᠤᠨ᠎ᠡ ᠬᠤᠰᠢᠭᠤ ᠳᠤᠳᠤᠷᠡᠬᠢ ᠠᠯᠪᠠᠨ ᠵᠢᠷᠤᠮ ᠤᠨ ᠰᠤᠷᠭᠠᠨ | ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢ ᠪᠡᠶᠡᠯᠡᠬᠦᠯᠵᠤ ᠂ ᠬᠤᠰᠢᠭᠤ ᠳᠤᠳᠤᠷᠡᠬᠢ ᠰᠤᠷᠭᠠᠭᠤᠯᠢ ᠶᠢᠨ | ᠬᠤᠭᠤᠷᠤᠨᠳᠤᠬᠢ ᠵᠥᠷᠢᠶ᠎ᠡ ᠶᠢ ᠮᠡᠳᠡᠭᠳᠡᠮ᠎ᠡ ᠪᠠᠭᠠᠰᠬᠠᠨ᠎ᠠ ᠃ 2 0 1 5 ᠤᠨ ᠪᠤᠯᠬᠤ ᠳᠤ ᠂ ᠪᠥᠬᠦ ᠠᠶᠢᠮᠠᠭ | ᠲᠤ ᠬᠤᠰᠢᠭᠤ ᠳᠤᠳᠤᠷᠡᠬᠢ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢ | ᠪᠡᠶᠡᠯᠡᠬᠦᠯᠥᠭᠰᠡᠨ ᠬᠤᠰᠢᠭᠤ ᠰᠢᠶᠡᠨ ᠬᠤᠳᠠ ( ᠤᠷᠤᠨ ) ᠶᠢᠨ ᠬᠠᠷᠢᠴᠠᠯ ᠢ 6 9 % ᠳᠤ ᠬᠥᠷᠥᠬᠦᠯᠥᠨ᠎ᠡ ; | 2 0 1 7 ᠤᠨ ᠪᠤᠯᠬᠤ ᠳᠤ ᠂ ᠪᠥᠬᠦ ᠠᠶᠢᠮᠠᠭ ᠤᠨ 1 3 ᠬᠤᠰᠢᠭᠤ ᠰᠢᠶᠡᠨ ᠬᠤᠳᠠ ( ᠤᠷᠤᠨ ) ᠴᠥᠮ | ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢ ᠪᠡᠶᠡᠯᠡᠬᠦᠯᠥᠨ᠎ᠡ ᠃ | ᠪᠤᠳᠠᠳᠠᠢ ᠬᠠᠷᠠᠯᠳᠠ ᠪᠤᠯ ᠄ | 2 0 1 3 ᠤᠨ ᠳᠤ ᠂ ᠪᠠᠷᠠᠭᠤᠨ ᠥᠵᠥᠮᠥᠴᠢᠨ ᠬᠤᠰᠢᠭᠤ ᠠᠯᠪᠠᠨ ᠵᠢᠷᠤᠮ ᠤᠨ ᠰᠤᠷᠭᠠᠨ ᠬᠥᠮᠥᠵᠢᠯ | ᠤᠨ ᠥᠨᠳᠥᠰᠥᠨ ᠳᠡᠭᠡᠨ ᠳᠡᠩᠴᠡᠬᠦᠷᠢᠳᠡᠢ ᠬᠥᠭᠵᠢᠯᠳᠡ ᠶᠢ ᠪᠠᠶᠡᠯᠡᠬᠦᠯᠥᠨ᠎ᠡ ; | 2 0 1 4 ᠤᠨ ᠳᠤ ᠂ ᠰᠢᠯᠢ ᠶᠢᠨ ᠬᠤᠳᠠ ᠂ ᠬᠥᠪᠡᠬᠡᠳᠤ ᠰᠢᠷ᠎ᠡ ᠬᠤᠰᠢᠭᠤ ᠂ ᠰᠥᠨᠢᠳ ᠪᠠᠷᠠᠭᠤᠨ | ᠬᠤᠰᠢᠭᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠥᠨᠳᠥᠰᠥᠨ ᠳᠡᠭᠡᠨ ᠳᠡᠩᠴᠡᠬᠦᠷᠢᠳᠡᠢ ᠬᠥᠭᠵᠢᠯᠳᠡ ᠶᠢ | ᠪᠠᠶᠡᠯᠡᠬᠦᠯᠥᠨ᠎ᠡ ; | 2 0 1 5 ᠤᠨ ᠳᠤ ᠂ ᠡᠷᠢᠶᠡᠨ ᠬᠤᠳᠠ ᠂ ᠰᠥᠨᠢᠳ ᠵᠡᠬᠦᠨ ᠬᠤᠰᠢᠭᠤ ᠂ ᠰᠢᠯᠤᠭᠤᠨ ᠬᠥᠪᠡᠬᠡᠳᠤ | ᠴᠠᠭᠠᠨ ᠬᠤᠰᠢᠭᠤ ᠂ ᠵᠡᠬᠦᠨ ᠥᠵᠥᠮᠥᠴᠢᠨ ᠬᠤᠰᠢᠭᠤ ᠂ ᠤᠯᠠᠭᠠᠢ ᠬᠠᠮᠢᠶᠠᠷᠤᠯᠳᠠ ᠶᠢᠨ ᠤᠷᠤᠨ ᠠᠯᠪᠠᠨ ᠵᠢᠷᠤᠮ | ᠤᠨ ᠰᠤᠷᠭᠠᠨ ᠬᠥᠮᠥᠵᠢᠯ ᠤᠨ ᠥᠨᠳᠥᠰᠥᠨ ᠳᠡᠭᠡᠨ ᠳᠡᠩᠴᠡᠬᠦᠷᠢᠳᠡᠢ ᠬᠥᠭᠵᠢᠯᠳᠡ ᠶᠢ ᠪᠠᠶᠡᠯᠡᠬᠦᠯᠥᠨ᠎ᠡ ; | 2 0 1 6 ᠤᠨ ᠳᠤ ᠂ ᠰᠢᠯᠤᠭᠤᠨ ᠬᠥᠬᠡ ᠬᠤᠰᠢᠭᠤ᠂ ᠠᠪᠠᠭ᠎ᠠ ᠬᠤᠰᠢᠭᠤ ᠠᠯᠪᠠᠨ ᠵᠢᠷᠤᠮ ᠤᠨ ᠰᠤᠷᠭᠠᠨ | ᠬᠥᠮᠥᠵᠢᠯ ᠤᠨ ᠥᠨᠳᠥᠰᠥᠨ ᠳᠡᠭᠡᠨ ᠳᠡᠩᠴᠡᠬᠦᠷᠢᠳᠡᠢ ᠬᠥᠭᠵᠢᠯᠳᠡ ᠶᠢ ᠪᠠᠶᠡᠯᠡᠬᠦᠯᠥᠨ᠎ᠡ ; | 2 0 1 7 ᠤᠨ ᠳᠤ ᠳᠤᠯᠤᠨ ᠨᠤᠤᠷ ᠰᠢᠶᠡᠨ ᠂ ᠳᠠᠶᠢᠹᠤᠰᠧ ᠬᠤᠰᠢᠭᠤ ᠠᠯᠪᠠᠨ ᠵᠢᠷᠤᠮ ᠤᠨ ᠰᠤᠷᠭᠠᠨ | ᠬᠥᠮᠥᠵᠢᠯ ᠤᠨ ᠥᠨᠳᠥᠰᠥᠨ ᠳᠡᠭᠡᠨ ᠳᠡᠩᠴᠡᠬᠦᠷᠢᠳᠡᠢ ᠬᠥᠭᠵᠢᠯᠳᠡ ᠶᠢ ᠪᠠᠶᠡᠯᠡᠬᠦᠯᠥᠨ᠎ᠡ ᠃ | ᠡᠯ᠎ᠡ ᠬᠤᠰᠢᠭᠤ ᠰᠢᠶᠡᠨ ᠬᠤᠳᠠ ( ᠤᠷᠤᠨ ) ᠳᠤᠬᠠᠢ ᠶᠢᠨ ᠭᠠᠵᠠᠷ ᠤᠨ ᠪᠤᠳᠠᠳᠤ ᠪᠠᠶᠢᠳᠠᠯ ᠳᠠᠭᠠᠨ | ᠳᠤᠬᠢᠷᠠᠭᠤᠯᠤᠨ ᠂ ᠡᠷᠢᠯᠬᠢᠯᠡᠨ ᠳᠠᠪᠰᠢᠵᠤ ᠂ ᠬᠥᠴᠥᠳᠡᠢ ᠳᠥᠯᠬᠢᠨ ᠠᠬᠢᠭᠤᠯᠵᠤ ᠂ ᠠᠯᠪᠠᠨ ᠵᠢᠷᠤᠮ ᠤᠨ | ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢ ᠤᠷᠢᠳᠴᠢᠯᠠᠨ ᠪᠡᠶᠡᠯᠡᠬᠦᠯᠬᠦ ᠶᠢ ᠵᠤᠷᠢᠭᠵᠢᠭᠤᠯᠤᠨ᠎ᠠ ᠃ | | ᠭᠤᠷᠪᠡ ᠂ ᠳᠥᠯᠬᠢᠨ ᠠᠬᠢᠭᠤᠯᠬᠤ ᠠᠷᠭ᠎ᠠ ᠬᠡᠮᠵᠢᠶ᠎ᠡ | ( ᠨᠢᠬᠡ ) ᠳᠤᠨᠤᠭ ᠳᠥᠬᠦᠬᠡᠷᠥᠮᠵᠢ ᠶᠢᠨ ᠪᠥᠲᠥᠬᠡᠨ ᠪᠠᠶᠢᠭᠤᠯᠤᠯᠳᠠ ᠶᠢ ᠳᠥᠷᠬᠡᠳᠬᠡᠵᠤ ᠂ ᠰᠤᠷᠭᠠᠭᠤᠯᠢ | ᠶᠢᠨ ᠬᠤᠭᠤᠷᠤᠨᠳᠤᠬᠢ ᠰᠤᠷᠭᠠᠭᠤᠯᠢ ᠡᠷᠬᠢᠯᠡᠬᠦ ᠵᠥᠷᠢᠶ᠎ᠡ ᠶᠢ ᠪᠠᠭᠠᠰᠬᠠᠨ᠎ᠠ ᠃ ᠡᠯ᠎ᠡ ᠬᠤᠰᠢᠭᠤ ᠰᠢᠶᠡᠨ ᠬᠤᠳᠠ ( | ᠤᠷᠤᠨ )︽ᠰᠢᠯᠢ ᠶᠢᠨ ᠭᠤᠤᠯ ᠠᠶᠢᠮᠠᠭ ᠤᠨ ᠪᠠᠷᠢᠮᠵᠢᠶᠠᠵᠢᠭᠰᠠᠨ ᠰᠤᠷᠭᠠᠭᠤᠯᠢ ᠶᠢᠨ ᠪᠠᠷᠢᠯᠭ᠎ᠠ ᠶᠢᠨ | ᠬᠡᠷᠡᠭᠵᠢᠬᠦᠯᠬᠦ ᠳᠥᠰᠥᠯ ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠰᠠᠨ ᠰᠤᠷᠭᠠᠭᠤᠯᠢ ᠶᠢᠨ | ᠪᠠᠷᠢᠯᠭ᠎ᠠ ᠠᠴᠠ ᠭᠠᠷᠳᠠᠨ ᠂ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠪᠠ ᠪᠠᠭᠤᠷᠠᠢ ᠰᠤᠷᠭᠠᠭᠤᠯᠢ ᠶᠢᠨ | ᠪᠥᠲᠥᠬᠡᠨ ᠪᠠᠶᠢᠭᠤᠯᠤᠯᠳᠠ ᠪᠠ ᠥᠬᠡᠷᠡᠴᠢᠯᠡᠯᠳᠡ ᠶᠢ ᠳᠥᠷᠬᠡᠳᠬᠡᠵᠤ᠂ ᠰᠢᠯᠢᠳᠡᠭ ᠰᠤᠷᠭᠠᠨ ᠬᠥᠮᠥᠵᠢᠯ ᠤᠨ ᠡᠬᠢ | ᠰᠤᠷᠪᠤᠯᠵᠢ ᠶᠢ ᠳᠠᠰᠤᠷᠠᠯᠳᠠ ᠥᠭᠡᠢ ᠥᠷᠬᠡᠳᠬᠡᠵᠤ ᠂ ᠳᠤᠰ ᠭᠠᠵᠠᠷ ᠤᠷᠤᠨ ᠤ ᠠᠯᠪᠠᠨ ᠵᠢᠷᠤᠮ ᠤᠨ ᠰᠤᠷᠭᠠᠨ | ᠬᠥᠮᠥᠵᠢᠯ ᠤᠨ ᠰᠤᠷᠭᠠᠭᠤᠯᠢ ᠶᠢᠨ ᠠᠩᠬᠢ ᠪᠠᠶᠢᠷᠢ ᠂ ᠳᠤᠨᠤᠭ ᠳᠥᠬᠦᠬᠡᠷᠥᠮᠵᠢ ᠂ ᠨᠤᠮ ᠤᠨ ᠰᠠᠩ ᠂ ᠳᠠᠮᠢᠷ | ᠡᠷᠡᠬᠦᠯ ᠬᠠᠮᠠᠭᠠᠯᠠᠯ ᠤᠷᠠᠯᠢᠭ ᠤᠨ ᠨᠥᠬᠦᠴᠡᠯ ᠂ ᠠᠮᠢᠳᠤᠷᠠᠯ ᠤᠨ ᠳᠥᠬᠦᠬᠡᠷᠥᠮᠵᠢ ᠵᠡᠷᠬᠡ ᠶᠢ ᠳᠤᠭᠳᠠᠭᠰᠠᠨ | ᠪᠠᠷᠢᠮᠵᠢᠶᠡᠨ ᠳᠤ ᠬᠥᠷᠥᠬᠦᠯᠵᠤ ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ ᠡᠷᠬᠢᠯᠡᠬᠦ ᠬᠢᠷᠢ | ᠳᠥᠪᠰᠢᠨ ᠢ ᠪᠥᠬᠦ ᠳᠠᠯ᠎ᠠ ᠪᠠᠷ ᠳᠡᠭᠡᠭᠰᠢᠯᠡᠬᠦᠯᠬᠦ ᠬᠡᠷᠡᠭᠳᠡᠢ ᠃ | ᠰᠤᠷᠭᠠᠨ ᠬᠥᠮᠥᠵᠢᠯ ᠤᠨ ᠮᠡᠳᠡᠭᠡ ᠵᠠᠩᠬᠢᠵᠢᠭᠤᠯᠤᠯᠳᠠ ᠶᠢ ᠬᠥᠴᠥᠳᠡᠢ ᠳᠥᠯᠬᠢᠨ ᠠᠬᠢᠭᠤᠯᠵᠤ ᠂ ᠪᠥᠬᠦ | ᠠᠶᠢᠮᠠᠭ ᠤᠨ ᠠᠯᠤᠰ ᠡᠵᠡᠮᠰᠢᠯᠳᠤ ᠰᠤᠷᠭᠠᠨ ᠬᠥᠮᠥᠵᠢᠯ ᠤᠨ ᠵᠢᠭᠠᠨ ᠰᠤᠷᠭᠠᠬᠤ ᠳᠠᠪᠴᠠᠩ ᠢ ᠪᠥᠷᠢᠨᠰᠢᠬᠦᠯᠥᠨ | ᠳᠡᠬᠦᠯᠳᠡᠷᠵᠢᠬᠦᠯᠵᠤ ᠂ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠪᠠ ᠪᠠᠭᠤᠷᠠᠢ ᠰᠤᠷᠭᠠᠭᠤᠯᠢ ᠳᠤ ᠤᠳᠤᠬᠢ | ᠰᠤᠷᠭᠠᠨ ᠬᠥᠮᠥᠵᠢᠯ ᠤᠨ ᠳᠤᠨᠤᠭ ᠳᠥᠬᠦᠬᠡᠷᠥᠮᠵᠢ ᠶᠢ ᠤᠷᠢᠳᠠᠪᠠᠷ ᠳᠤᠬᠢᠷᠠᠭᠤᠯᠵᠤ ᠂ ᠴᠢᠳᠠᠪᠬᠢ ᠪᠥᠷᠢᠨ | ᠳᠡᠬᠦᠯᠳᠡᠷ ᠰᠤᠷᠭᠠᠭᠤᠯᠢ ᠶᠢᠨ ᠬᠥᠷᠢᠶᠡᠨ ᠳᠠᠬᠢ ᠰᠥᠯᠵᠢᠶᠡᠨ ᠤ ᠰᠢᠰᠲ᠋ᠧᠮ ᠢ ᠪᠠᠶᠢᠭᠤᠯᠤᠨ᠎ᠠ ᠃ ᠰᠢᠯᠢᠳᠡᠭ | ᠰᠤᠷᠭᠠᠨ ᠬᠥᠮᠥᠵᠢᠯ ᠤᠨ ᠡᠬᠢ ᠰᠤᠷᠪᠤᠯᠵᠢ ᠶᠢ ᠶᠡᠬᠡᠪᠡᠷ ᠨᠡᠬᠡᠬᠡᠨ ᠨᠢᠬᠡᠳᠬᠡᠵᠤ ᠂ ᠵᠢᠭᠠᠨ ᠰᠤᠷᠭᠠᠬᠤ ᠶᠠᠪᠤᠴᠠ | ᠳᠠᠬᠢ ᠮᠡᠳᠡᠭᠡ ᠵᠠᠩᠬᠢ ᠶᠢᠨ ᠮᠡᠷᠬᠡᠵᠢᠯ ᠤᠨ ᠬᠡᠷᠡᠭᠯᠡᠬᠡᠨ ᠢ ᠠᠬᠢᠭᠤᠯᠵᠤ ᠂ ᠬᠤᠳᠠ ᠬᠥᠳᠡᠭᠡ ᠶᠢᠨ ᠰᠤᠷᠭᠠᠨ | ᠬᠥᠮᠥᠵᠢᠯ ᠤᠨ ᠡᠬᠢ ᠰᠤᠷᠪᠤᠯᠵᠢ ᠶᠢ ᠬᠠᠮᠳᠤᠪᠡᠷ ᠡᠳ᠋ᠯᠡᠬᠦ ᠶᠢ ᠪᠠᠶᠡᠯᠡᠬᠦᠯᠥᠨ᠎ᠡ ᠃ ᠰᠤᠷᠭᠠᠭᠤᠯᠢ ᠡᠷᠬᠢᠯᠡᠬᠦ ᠬᠡᠪ | ᠵᠠᠭᠪᠤᠷ ᠤᠨ ᠥᠬᠡᠷᠡᠴᠢᠯᠡᠯᠳᠡ ᠶᠢ ᠬᠥᠨᠵᠡᠬᠡᠶᠢᠷᠡᠬᠦᠯᠵᠤ ᠂ ᠡᠯ᠎ᠡ ᠭᠠᠵᠠᠷ ᠤᠷᠤᠨ ᠬᠠᠮᠢᠶ᠎ᠡ ᠪᠥᠬᠦᠢ ᠲᠥᠷᠥ ᠶᠢᠨ | ᠪᠤᠳᠤᠯᠭ᠎ᠠ ᠶᠢ ᠶᠠᠷᠢᠯᠴᠠᠨ ᠳᠤᠭᠳᠠᠭᠠᠵᠤ ᠂ ᠤᠷᠤᠨ ᠪᠥᠰᠠ ᠶᠢᠨ ᠳᠤᠳᠤᠷᠠᠬᠢ ᠰᠢᠯᠢᠳᠡᠭ ᠰᠤᠷᠭᠠᠭᠤᠯᠢ ᠪᠠᠭᠤᠷᠠᠢ | ᠰᠤᠷᠭᠠᠭᠤᠯᠢ ᠲᠠᠢ ᠤᠯᠠᠨ ᠠᠷᠭ᠎ᠠ ᠵᠠᠮ ᠢᠶᠠᠷ ᠬᠠᠮᠳᠤᠷᠠᠨ ᠰᠤᠷᠭᠠᠭᠤᠯᠢ ᠡᠷᠬᠢᠯᠡᠬᠦ ᠶᠢ ᠤᠷᠮᠠᠰᠢᠭᠤᠯᠤᠨ ᠳᠡᠮᠵᠢᠵᠤ ᠂ | ᠰᠠᠶᠢᠨ ᠰᠤᠷᠭᠠᠭᠤᠯᠢ ᠨᠢ ᠪᠠᠭᠤᠷᠠᠢ ᠰᠤᠷᠭᠠᠭᠤᠯᠢ ᠶᠢ ᠳᠡᠮᠵᠢᠬᠦ ᠠᠵᠢᠯ ᠤᠨ ᠳᠤᠭᠳᠠᠴᠠ ᠶᠢ ᠪᠠᠶᠢᠭᠤᠯᠤᠨ | ᠳᠡᠬᠦᠯᠳᠡᠷᠵᠢᠬᠦᠯᠵᠤ ᠂ ᠰᠢᠯᠢᠳᠡᠭ ᠡᠬᠢ ᠰᠤᠷᠪᠤᠯᠵᠢ ᠶᠢ ᠬᠠᠮᠳᠤᠪᠠᠷ ᠡᠳ᠋ᠯᠡᠨ ᠬᠠᠮᠳᠤᠷᠠᠨ ᠰᠤᠷᠭᠠᠭᠤᠯᠢ ᠡᠷᠬᠢᠯᠡᠬᠦ ᠬᠠᠮᠳᠤ | ᠶᠢᠨ ᠴᠤᠭᠴᠠ ᠶᠢ ᠪᠥᠷᠢᠯᠳᠥᠬᠦᠯᠵᠤ ᠂ ᠠᠯᠪᠠᠨ ᠵᠢᠷᠤᠮ ᠤᠨ ᠰᠤᠷᠭᠠᠭᠤᠯᠢ ᠡᠷᠬᠢᠯᠡᠬᠦ ᠪᠥᠬᠦᠯᠢ ᠴᠤᠭᠴᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠬᠦᠯᠤᠨ᠎ᠡ ᠃ | ( ᠬᠤᠶᠡᠷ ) ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ ᠂ ᠪᠠᠭᠰᠢ ᠶᠢᠨ ᠬᠥᠴᠥᠨ ᠢ | ᠳᠡᠩᠴᠡᠬᠦᠷᠢᠳᠡᠢ ᠳᠤᠬᠢᠷᠠᠭᠤᠯᠬᠤ ᠶᠢ ᠠᠬᠢᠭᠤᠯᠤᠨ᠎ᠠ ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠳᠤᠨ | ᠤ ᠰᠤᠷᠭᠠᠭᠤᠯᠢ ᠶᠢᠨ ᠪᠠᠭᠰᠢ ᠠᠵᠢᠯᠳᠡᠨ ᠤ ᠤᠷᠤᠨ ᠳᠤᠭ᠎ᠠ ᠶᠢᠨ ᠬᠠᠮᠢᠶᠠᠷᠤᠯᠳᠠ ᠶᠢ ᠴᠢᠩᠭᠠᠳᠬᠠᠵᠤ ᠂ | ᠬᠤᠳᠠ ᠬᠥᠳᠡᠭᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠤᠷᠤᠨ ᠳᠤᠭ᠋ ᠠ ᠶᠢᠨ ᠨᠢᠬᠡᠳᠥᠯᠳᠡᠢ ᠪᠠᠷᠢᠮᠵᠢᠶ᠎ᠡ ᠶᠢ | ᠬᠡᠷᠡᠭᠵᠢᠬᠦᠯᠥᠨ᠎ᠡ ᠃ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠬᠢᠷᠢ ᠳᠡᠩᠴᠡᠭᠰᠡᠨ ᠪᠠᠭᠰᠢ ᠶᠢ ᠬᠥᠷᠥᠯᠴᠡᠬᠦ᠋ᠢᠴᠡ | ᠳᠤᠬᠢᠷᠠᠭᠤᠯᠵᠤ ᠂ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠪᠠ ᠪᠠᠭᠤᠷᠠᠢ ᠰᠤᠷᠭᠠᠭᠤᠯᠢ ᠳᠤ ᠳᠤᠳᠠᠭᠳᠠᠵᠤ | ᠪᠠᠶᠢᠭ᠎ᠠ ᠪᠠᠭᠰᠢ ᠶᠢ ᠤᠷᠢᠳᠠᠪᠠᠷ ᠬᠥᠮᠥᠵᠢᠬᠦᠯᠵᠤ ᠥᠭᠬᠦ ᠪᠤᠶᠤ ᠨᠥᠬᠦᠪᠤᠷᠢᠯᠡᠨ᠎ᠠ ᠃ ᠰᠤᠷᠭᠠᠨ ᠬᠥᠮᠥᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠬᠡᠨ ᠤ | ᠨᠢᠬᠡᠳᠥᠯᠳᠡᠢ ᠲᠠᠢ ᠬᠠᠮᠢᠶᠠᠷᠤᠯᠳᠠ ᠶᠢ ᠤᠯᠠᠮ ᠴᠢᠩᠭᠠᠳᠬᠠᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ | ᠶᠢᠨ ᠬᠢᠷᠢ ᠬᠡᠮ ᠢ ᠳᠤᠭᠳᠠᠭᠠᠬᠤ ᠂ ᠤᠷᠢᠵᠤ ᠬᠡᠷᠡᠭᠯᠡᠬᠦ ᠂ ᠳᠤᠰᠢᠶᠡᠯ ᠳᠤ ᠤᠷᠢᠬᠤ ᠂ ᠬᠥᠮᠥᠵᠢᠬᠦᠯᠥᠨ | ᠪᠤᠯᠪᠠᠰᠤᠷᠠᠭᠤᠯᠬᠤ ᠂ ᠳᠤᠬᠢᠷᠠᠭᠤᠯᠤᠨ ᠰᠤᠯᠢᠯᠴᠠᠬᠤ ᠂ ᠬᠢᠨᠠᠨ ᠰᠢᠯᠭᠠᠵᠤ ᠱᠠᠩᠨᠠᠵᠤ ᠳᠤᠷᠭᠠᠬᠤ ᠵᠡᠷᠬᠡ ᠬᠠᠮᠢᠶᠠᠷᠤᠯᠳᠠ | ᠡᠬᠦᠷᠬᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠡᠷᠡᠭᠵᠢᠬᠦᠯᠬᠦ ᠶᠢ ᠪᠠᠳᠤᠯᠠᠨ᠎ᠠ ᠃ | ᠪᠠᠭᠰᠢ ᠶᠢᠨ ᠬᠢᠷᠢ ᠬᠡᠮ ᠤᠨ ᠳᠥᠷᠢᠮ ᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ ᠂ ᠪᠠᠭᠰᠢ ᠤᠷᠢᠵᠤ | ᠬᠡᠷᠡᠭᠯᠡᠬᠦ ᠪᠤᠭᠤᠮᠳᠠ ᠶᠢ ᠴᠢᠩᠭ᠎ᠠ ᠠᠳᠬᠤᠨ᠎ᠠ ᠃ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠳᠤᠭᠳᠠᠭᠠᠨ | ᠨᠠᠶᠢᠳᠠᠪᠤᠷᠢᠵᠢᠭᠤᠯᠵᠤ ᠂ ᠶᠡᠭᠡ ᠳᠡᠭᠡᠳᠤ ᠰᠤᠷᠭᠠᠭᠤᠯᠢ ᠳᠡᠭᠦᠰᠥᠭᠰᠡᠨ ᠰᠢᠯᠢᠳᠡᠭ ᠰᠤᠷᠤᠭᠴᠢᠳ ᠢ ᠳᠠᠳᠠᠨ ᠮᠠᠯᠵᠢᠬᠤ | ᠳᠠᠷᠢᠶᠠᠯᠠᠬᠤ ᠤᠷᠤᠨ ᠤ ᠰᠤᠷᠭᠠᠭᠤᠯᠢ ᠪᠤᠶᠤ ᠪᠠᠭᠤᠷᠠᠢ ᠰᠤᠷᠭᠠᠭᠤᠯᠢ ᠳᠤ ᠪᠠᠭᠰᠢᠯᠠᠭᠤᠯᠤᠨ᠎ᠠ ᠃ ᠬᠤᠰᠢᠭᠤ | ᠳᠤᠳᠤᠷᠠᠬᠢ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠳᠠᠷᠤᠭ᠎ᠠ ᠂ ᠪᠠᠭᠰᠢᠨᠠᠷ ᠢ ᠰᠤᠯᠢᠯᠴᠠᠬᠤ ᠳᠥᠷᠢᠮ ᠢ | ᠢᠳᠡᠪᠬᠢᠳᠡᠢ ᠳᠥᠯᠬᠢᠨ ᠠᠬᠢᠭᠤᠯᠵᠤ᠂ ᠰᠢᠯᠢᠳᠡᠭ ᠰᠤᠷᠭᠠᠭᠤᠯᠢ ᠶᠢᠨ ᠲᠠᠷᠤᠭ᠎ᠠ ᠪᠤᠯᠤᠨ ᠳᠤᠮᠳᠠ ᠱᠠᠳᠤᠨ ᠤ | ᠬᠠᠮᠢᠶᠠᠷᠤᠯᠳᠠ ᠶᠢᠨ ᠠᠵᠢᠯᠳᠠᠨ ᠮᠠᠯᠵᠢᠬᠤ ᠳᠡᠷᠢᠶᠡᠯᠡᠬᠤ ᠤᠷᠤᠨ ᠤ ᠰᠤᠷᠭᠠᠭᠤᠯᠢ ᠪᠤᠶᠤ ᠪᠠᠭᠤᠷᠠᠢ ᠰᠤᠷᠭᠠᠭᠤᠯᠢ | ᠳᠤ ᠳᠤᠰᠢᠶᠠᠯ ᠡᠬᠦᠷᠬᠡᠯᠡᠨ ᠰᠤᠯᠢᠯᠴᠠᠬᠤ ᠶᠢ ᠵᠤᠷᠢᠭᠵᠢᠭᠤᠯᠵᠤ ᠂ ᠰᠢᠯᠢᠳᠡᠭ ᠰᠤᠷᠭᠠᠭᠤᠯᠢ ᠶᠢᠨ ᠳᠠᠷᠤᠭ᠎ᠠ ᠪᠤᠯᠤᠨ | ᠨᠢᠷᠤᠭᠤᠪᠴᠢ ᠬᠥᠴᠥᠨ ᠢ ᠳᠥᠯᠥᠪᠯᠡᠭᠡ ᠲᠠᠢ ᠳᠤᠮᠢᠯᠡᠨ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠳᠤ | ᠪᠠᠭᠰᠢᠯᠠᠭᠤᠯᠵᠤ ᠂ ᠪᠠᠭᠤᠷᠠᠢ ᠰᠤᠷᠭᠠᠭᠤᠯᠢ ᠶᠢᠨ ᠬᠠᠮᠢᠶᠠᠷᠤᠯᠳᠠ ᠶᠢᠨ ᠬᠢᠷᠢ ᠬᠡᠮᠵᠢᠶ᠎ᠡ ᠶᠢ ᠳᠠᠰᠤᠷᠠᠯᠳᠠ ᠥᠭᠡᠢ | ᠳᠡᠭᠡᠭᠰᠢᠯᠡᠬᠦᠯᠥᠨ᠎ᠠ ᠃ ᠬᠤᠳᠠ ᠪᠠᠯᠭᠠᠰᠤᠨ ᠤ ᠰᠤᠷᠭᠠᠭᠤᠯᠢ ᠶᠢᠨ ᠪᠠᠭᠰᠢ ᠥᠨᠳᠥᠷ ᠵᠡᠷᠬᠡ ᠶᠢᠨ ᠪᠠᠭᠰᠢ ᠶᠢᠨ | ᠴᠤᠯᠠ ᠤᠯᠭᠤᠬᠤ ᠳᠤ ᠵᠠᠷᠴᠢᠮ ᠳᠡᠭᠡᠷ᠎ᠡ ᠪᠠᠨ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠪᠤᠶᠤ ᠪᠠᠭᠤᠷᠠᠢ | ᠰᠤᠷᠭᠠᠭᠤᠯᠢ ᠳᠤ ᠨᠢᠬᠡ ᠵᠢᠯ ᠠᠴᠠ ᠳᠡᠭᠡᠭᠰᠢ ᠪᠠᠭᠰᠢᠯᠠᠵᠤ ᠥᠩᠬᠡᠷᠡᠭᠰᠡᠨ ᠪᠠᠶᠢᠬᠤ ᠬᠡᠷᠡᠭᠳᠡᠢ ᠃ | ( ᠭᠤᠷᠪᠡ ) ᠵᠢᠭᠠᠨ ᠰᠤᠷᠭᠠᠬᠤ ᠬᠠᠮᠢᠶᠠᠷᠤᠯᠳᠠ ᠶᠢ ᠴᠢᠩᠭᠠᠳᠬᠠᠵᠤ ᠂ ᠠᠯᠪᠠᠨ ᠵᠢᠷᠤᠮ ᠤᠨ ᠰᠤᠷᠭᠠᠨ | ᠬᠥᠮᠥᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠪᠥᠬᠦ ᠳᠠᠯ᠎ᠠ ᠪᠠᠷ ᠳᠡᠭᠡᠭᠰᠢᠯᠡᠬᠦᠯᠥᠨ᠎ᠠ ᠃ ᠬᠡᠪ ᠴᠢᠨᠠᠷ ᠤᠨ | ᠰᠤᠷᠭᠠᠨ ᠬᠥᠮᠥᠵᠢᠯ ᠢᠶᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ ᠂ ᠰᠢᠨᠵᠢᠯᠡᠬᠦ ᠤᠬᠠᠭᠠᠨᠴᠢ ᠰᠤᠷᠭᠠᠨ | ᠬᠥᠮᠥᠵᠢᠯ ᠤᠨ ᠶᠠᠰᠤ ᠴᠢᠨᠠᠷ ᠤᠨ ᠥᠵᠡᠯᠳᠡ ᠶᠢ ᠪᠤᠢ ᠪᠤᠯᠭᠠᠨ᠎ᠠ ᠃ ᠵᠢᠭᠠᠨ ᠰᠤᠷᠭᠠᠬᠤ ᠶᠠᠰᠤ ᠴᠢᠨᠠᠷ ᠪᠤᠯᠤᠨ | ᠰᠤᠷᠤᠭᠴᠢᠳ ᠤᠨ ᠰᠤᠷᠤᠯᠭ᠎ᠠ ᠶᠢᠨ ᠬᠢᠷᠢ ᠪᠥᠲᠥᠮᠵᠢ ᠶᠢᠨ ᠶᠠᠰᠤ ᠴᠢᠨᠠᠷ ᠢ ᠥᠨᠡᠯᠡᠬᠦ ᠰᠢᠰᠲ᠋ᠧᠮᠵᠢ ᠶᠢ | ᠢᠳᠡᠪᠬᠢᠳᠡᠢ ᠰᠥᠪᠡᠭᠴᠢᠯᠠᠨ ᠪᠠᠶᠢᠭᠤᠯᠵᠤ ᠂ ᠰᠤᠷᠭᠠᠭᠤᠯᠢ ᠶᠢᠨ ᠵᠢᠭᠠᠨ ᠰᠤᠷᠭᠠᠬᠤ ᠶᠠᠰᠤ ᠴᠢᠨᠠᠷ ᠪᠠ ᠰᠤᠷᠭᠠᠭᠤᠯᠢ | ᠡᠷᠬᠢᠯᠡᠬᠦ ᠬᠢᠷᠢ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠥᠨᠡᠯᠡᠵᠤ ᠂ ᠰᠤᠷᠭᠠᠭᠤᠯᠢ ᠶᠢ ᠵᠢᠭᠠᠨ ᠵᠢᠯᠤᠭᠤᠳᠴᠤ | ᠰᠤᠷᠭᠠᠨ ᠬᠥᠮᠥᠵᠢᠯ ᠤᠨ ᠵᠢᠮ᠎ᠠ ᠶᠤᠰᠤ ᠪᠠ ᠰᠤᠷᠤᠭᠴᠢᠳ ᠤᠨ ᠥᠰᠥᠨ ᠪᠤᠶᠢᠵᠢᠬᠤ ᠵᠢᠮ᠎ᠠ ᠶᠤᠰᠤ ᠪᠠᠷ ᠰᠤᠷᠭᠠᠨ | ᠬᠥᠮᠥᠵᠢᠬᠦᠯᠵᠤ ᠂ ᠨᠡᠶᠢᠬᠡᠮ ᠢ ᠵᠢᠭᠠᠨ ᠵᠢᠯᠤᠭᠤᠳᠤᠨ ᠵᠥᠪ ᠤᠨᠤᠪᠴᠢᠳᠡᠢ ᠰᠤᠷᠭᠠᠨ ᠬᠥᠮᠥᠵᠢᠯ ᠤᠨ ᠥᠵᠡᠯᠳᠡ | ᠪᠠᠷ ᠰᠤᠷᠭᠠᠨ ᠬᠥᠮᠥᠵᠢᠯ ᠪᠠ ᠰᠤᠷᠭᠠᠭᠤᠯᠢ ᠶᠢ ᠥᠨᠡᠯᠡᠬᠦᠯᠥᠨᠡ ᠃ ᠡᠯ᠎ᠡ ᠭᠠᠵᠠᠷ ᠤᠷᠤᠨ ᠰᠤᠷᠭᠠᠭᠤᠯᠢ ᠨᠤᠭᠤᠳ | ᠲᠤ ᠰᠤᠷᠭᠠᠭᠤᠯᠢ ᠳᠠᠪᠰᠢᠬᠤ ᠵᠢᠭᠠᠯᠳᠠ ᠳᠤᠭ᠎ᠠ ᠳᠠᠭᠠᠭᠠᠯᠭᠠᠵᠤ ᠪᠤᠯᠬᠤ ᠥᠬᠡᠢ ᠂ ᠳ᠋ᠠᠩ ᠭᠠᠭᠴᠠ ᠰᠤᠷᠭᠠᠭᠤᠯᠢ | ᠳᠠᠪᠰᠢᠭᠰᠠᠨ ᠨᠤᠷᠮ᠎ᠠ ᠪᠠᠷ ᠰᠤᠷᠭᠠᠭᠤᠯᠢ ᠨᠤᠭᠤᠳ ᠢ ᠵᠢᠭᠰᠠᠭᠠᠵᠤ ᠪᠤᠯᠬᠤ ᠥᠭᠡᠢ ᠃ | ᠰᠢᠨ᠎ᠡ ᠪᠠᠷ ᠵᠠᠰᠠᠪᠤᠷᠢ ᠤᠷᠤᠭᠤᠯᠤᠭᠰᠠᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠢᠴᠢᠶᠡᠯ ᠤᠨ | ᠪᠠᠷᠢᠮᠵᠢᠶ᠎ᠡ ᠶᠢ ᠨᠡᠷᠢᠨ ᠬᠢᠨᠡᠮᠠᠭᠠᠢ ᠨᠠᠶᠢᠳᠠᠪᠤᠷᠢᠵᠢᠭᠤᠯᠵᠤ ᠂ ᠰᠤᠷᠤᠭᠴᠢᠳ ᠤᠨ ᠳᠠᠷᠤᠭᠠᠰᠤ ᠶᠢ ᠥᠨᠡᠨᠬᠦ | ᠬᠥᠩᠬᠡᠷᠡᠬᠦᠯᠵᠤ ᠂ ᠳᠤᠭᠳᠠᠭᠰᠠᠨ ᠬᠢᠴᠢᠶᠡᠯ ᠢ ᠬᠥᠢᠴᠡᠳ ᠰᠠᠶᠢᠨ ᠨᠡᠬᠡᠬᠡᠵᠤ ᠂ ᠰᠤᠷᠤᠭᠴᠢᠳ ᠤᠯᠤᠰ ᠠᠴᠠ | ᠳᠤᠭᠳᠠᠭᠠᠭᠰᠠᠨ ᠡᠯ᠎ᠡ ᠲᠥᠷᠥᠯ ᠤᠨ ᠬᠢᠴᠢᠶᠡᠯ ᠤᠨ ᠰᠤᠷᠤᠯᠭ᠎ᠠ ᠶᠢ ᠪᠥᠬᠦ ᠳᠠᠯ᠎ᠠ ᠪᠠᠷ ᠪᠠᠶᠠᠯᠡᠬᠦᠯᠬᠦ ᠶᠢ ᠪᠠᠳᠤᠯᠠᠵᠤ | ᠂ ᠨᠥᠬᠦᠴᠡᠯ ᠪᠥᠷᠢᠯᠳᠥᠬᠦᠯᠵᠤ ᠪᠠᠶᠢᠭᠠᠳ ᠡᠯᠪᠡᠭ ᠪᠠᠶᠠᠯᠢᠭ ᠠᠭᠤᠯᠭ᠎ᠠ ᠲᠠᠢ ᠰᠤᠩᠭᠤᠨ ᠰᠤᠷᠬᠤ ᠬᠢᠴᠢᠶᠡᠯ ᠢ | ᠨᠡᠬᠡᠬᠡᠵᠤ ᠂ ᠠᠳᠠᠯᠢ ᠪᠤᠰᠤ ᠨᠢᠭᠤᠭᠳᠠᠮᠠᠯ ᠴᠢᠨᠰᠠᠭ᠎ᠠ ᠲᠠᠢ ᠰᠤᠷᠤᠭᠴᠢᠳ ᠤᠨ ᠬᠥᠭᠵᠢᠯᠳᠡ ᠶᠢᠨ ᠬᠡᠷᠡᠭᠴᠡᠭᠡ ᠶᠢ | ᠬᠠᠩᠭᠠᠨ᠎ᠠ ᠃ ᠡᠯ᠎ᠡ ᠭᠠᠵᠠᠷ ᠤᠷᠤᠨ ᠤ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠰᠢᠯᠭᠠᠯᠳᠠ ᠬᠢᠬᠦ ᠳᠡᠭᠡᠨ ᠂ | ᠠᠩᠬᠢ ᠬᠤᠪᠢᠶᠠᠨ ᠂ ᠬᠢᠴᠢᠶᠡᠯ ᠲᠥᠷᠥᠯ ᠬᠤᠪᠢᠶᠠᠨ ᠰᠤᠩᠭᠤᠨ ᠰᠢᠯᠭᠠᠬᠤ ᠪᠠᠷ ᠭᠤᠤᠯ ᠪᠤᠯᠭᠠᠬᠤ ᠬᠡᠷᠡᠭᠳᠡᠢ ᠂ | ᠬᠡᠪᠴᠢᠶ᠎ᠡ ᠶᠡᠭᠡ ᠨᠢᠬᠡᠳᠥᠯᠳᠡᠢ ᠰᠢᠯᠭᠠᠯᠳᠠ ᠬᠢᠵᠤ ᠪᠤᠯᠬᠤ ᠥᠭᠡᠢ ᠃ ᠬᠢᠴᠢᠶᠡᠯ ᠤᠨ ᠬᠥᠴᠢᠷ ᠤᠨ ᠬᠡᠮᠵᠢᠶ᠎ᠡ ᠶᠢ | ᠳᠤᠷ᠎ᠠ ᠪᠠᠷ ᠢᠶᠠᠨ ᠨᠡᠮᠡᠭᠳᠡᠬᠦᠯᠵᠤ ᠪᠤᠯᠬᠤ ᠥᠭᠡᠢ ᠂ ᠰᠤᠷᠭᠠᠭᠤᠯᠢ ᠨᠤᠭᠤᠳ ᠵᠢᠭᠠᠨ ᠰᠤᠷᠭᠠᠬᠤ ᠠᠷᠭ᠎ᠠ ᠪᠠᠨ | ᠥᠬᠡᠷᠡᠴᠢᠯᠡᠵᠤ ᠂ ᠵᠢᠭᠠᠨ ᠰᠤᠷᠭᠠᠬᠤ ᠥᠷ᠎ᠡ ᠪᠥᠲᠥᠮᠵᠢ ᠪᠠᠨ ᠳᠡᠭᠡᠭᠰᠢᠯᠡᠬᠦᠯᠵᠤ ᠂ ᠰᠤᠷᠤᠭᠴᠢᠳ ᠤᠨ | ᠰᠤᠷᠤᠯᠴᠠᠬᠤ ᠤᠷᠮ᠎ᠠ ᠶᠢ ᠬᠥᠭᠵᠢᠶᠡᠬᠦ ᠶᠢ ᠵᠤᠷᠢᠭᠵᠢᠭᠤᠯᠤᠨ᠎ᠠ ᠃ | ᠳᠤᠮᠳᠠᠳᠤ ᠪᠠᠭ᠎ᠠ ᠰᠤᠷᠭᠠᠭᠤᠯᠢ ᠶᠢᠨ ᠶᠤᠰᠤ ᠮᠤᠷᠠᠯ ᠤᠨ ᠬᠥᠮᠥᠵᠢᠯ ᠤᠨ ᠠᠵᠢᠯ ᠢ ᠤᠯᠠᠮ ᠨᠢᠬᠡ ᠠᠯᠬᠤᠮ | ᠴᠢᠩᠭᠠᠳᠬᠠᠵᠤ ᠂ ︽ᠥᠪᠥᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠳᠤᠮᠳᠠᠳᠤ ᠪᠠᠭ᠎ᠠ ᠰᠤᠷᠭᠠᠭᠤᠯᠢ | ᠶᠢᠨ ᠡᠷᠬᠡᠳᠤ ᠠᠷᠠᠳ ᠤᠨ ᠬᠥᠮᠥᠵᠢᠯ ᠤᠨ ᠬᠡᠷᠡᠭᠵᠢᠬᠦᠯᠬᠦ ᠳᠥᠰᠥᠯ ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠮᠥᠵᠢᠯ ᠬᠥᠷᠳᠡᠬᠡᠯ ᠤᠨ ᠭᠤᠤᠯ ᠠᠷᠭ᠎ᠠ ᠵᠠᠮ ᠂ | ᠭᠤᠤᠯ ᠵᠢᠭᠰᠠᠭᠠᠯ ᠤᠨ ᠭᠠᠵᠠᠷ ᠂ ᠭᠤᠤᠯ ᠬᠢᠴᠢᠶᠡᠯ ᠤᠨ ᠳᠢᠩᠬᠢᠮ ᠤᠨ ᠥᠢᠯᠡᠳᠤᠯ ᠢ ᠬᠥᠢᠴᠡᠳ ᠪᠠᠳᠠᠷᠠᠭᠤᠯᠵᠤ | ᠂ ᠶᠤᠰᠤ ᠮᠤᠷᠠᠯ ᠤᠨ ᠬᠥᠮᠥᠵᠢᠯ ᠤᠨ ᠶᠡᠷᠥᠩᠬᠡᠢ ᠬᠠᠷᠠᠯᠳᠠ ᠪᠠ ᠰᠤᠷᠤᠭᠴᠢᠳ ᠤᠨ ᠥᠰᠥᠨ ᠪᠤᠶᠢᠵᠢᠬᠤ ᠵᠢᠮ᠎ᠠ | ᠶᠤᠰᠤ ᠪᠠᠷ ᠂ ᠥᠨᠳᠥᠰᠥᠳᠡᠨ ᠤ ᠵᠤᠷᠢᠭ ᠰᠠᠨᠠᠭᠠᠨ ᠤ ᠬᠥᠮᠥᠵᠢᠯ ᠂ ᠪᠤᠯᠪᠠᠰᠤᠨ ᠵᠠᠩ ᠳᠠᠳᠬᠠᠯ ᠤᠨ ᠬᠥᠮᠥᠵᠢᠯ | ᠂ ᠢᠳᠡᠬᠡᠯ ᠵᠢᠷᠤᠮ ᠤᠨ ᠬᠥᠮᠥᠵᠢᠯ ᠢ ᠶᠠᠬᠡᠪᠡᠷ ᠥᠷᠨᠢᠬᠦᠯᠵᠤ ᠂ ᠬᠠᠤᠯᠢ ᠳᠥᠷᠢᠮ ᠤᠨ ᠬᠥᠮᠥᠵᠢᠯ ᠂ ᠬᠥᠰᠡᠯᠡᠩ | ᠤᠨ ᠬᠥᠮᠥᠵᠢᠯ ᠂ ᠥᠨᠳᠥᠰᠥᠳᠡᠨ ᠤ ᠪᠥᠯᠬᠦᠮᠳᠠᠯ ᠤᠨ ᠬᠥᠮᠥᠵᠢᠯ᠂ ᠰᠡᠳᠬᠢᠯ ᠰᠠᠨᠠᠭᠠᠨ ᠤ ᠡᠷᠡᠬᠦᠯ ᠴᠢᠬᠢᠷᠠᠭ | ᠤᠨ ᠬᠥᠮᠥᠵᠢᠯ ᠵᠡᠷᠬᠡ ᠶᠢ ᠴᠢᠭᠯᠡᠯᠳᠤ ᠴᠢᠨᠠᠷᠳᠡᠢ ᠴᠢᠩᠭᠠᠷᠠᠭᠤᠯᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠥᠵᠡᠯ | ᠰᠠᠨᠠᠭ᠎ᠠ ᠶᠤᠰᠤ ᠮᠤᠷᠠᠯ ᠤᠨ ᠬᠡᠪ ᠴᠢᠨᠠᠷ ᠢ ᠳᠡᠭᠡᠭᠰᠢᠯᠡᠬᠦᠯᠬᠦ ᠪᠠᠷ ᠬᠥᠴᠥᠯᠡᠨ᠎ᠡ ᠃ | ( ᠳᠥᠷᠪᠡ ) ᠰᠤᠷᠭᠠᠨ ᠬᠥᠮᠥᠵᠢᠯ ᠢ ᠬᠠᠤᠯᠢ ᠶᠤᠰᠤᠭᠠᠷ ᠵᠠᠰᠠᠬᠤ ᠶᠢ ᠪᠠᠷᠢᠮᠳᠠᠯᠠᠵᠤ ᠂ ᠰᠤᠷᠭᠠᠭᠤᠯᠢ ᠡᠷᠬᠢᠯᠡᠬᠦ | ᠠᠵᠢᠯᠯᠠᠭ᠎ᠠ ᠶᠢ ᠥᠨᠡᠨᠬᠦ ᠳᠥᠷᠢᠮᠵᠢᠬᠦᠯᠥᠨᠡ ᠃ ᠡᠯ᠎ᠡ ᠬᠤᠰᠢᠭᠤ ᠰᠢᠶᠡᠨ ᠬᠤᠳᠠ ( ᠤᠷᠤᠨ ) ᠶᠢᠨ ᠵᠠᠰᠠᠭ ᠤᠨ | ᠤᠷᠳᠤᠨ ᠠᠯᠪᠠᠨ ᠵᠢᠷᠤᠮ ᠤᠨ ᠰᠤᠷᠭᠠᠭᠤᠯᠢ ᠨᠢᠬᠡᠪᠤᠷᠢ ᠶᠢ ᠬᠠᠤᠯᠢ ᠶᠤᠰᠤᠭᠠᠷ ᠰᠠᠶᠢᠳᠤᠷ ᠡᠷᠬᠢᠯᠡᠬᠦ ᠬᠡᠷᠡᠭᠳᠡᠢ ᠂ | ᠰᠤᠷᠭᠠᠭᠤᠯᠢ ᠨᠤᠭᠤᠳ ᠢ ᠭᠤᠤᠯᠳᠠᠯᠭ᠎ᠠ ᠲᠠᠢ ᠰᠤᠷᠭᠠᠭᠤᠯᠢ ᠪᠠ ᠭᠤᠤᠯᠳᠠᠯᠭ᠎ᠠ ᠲᠠᠢ ᠪᠤᠰᠤ ᠰᠤᠷᠭᠠᠭᠤᠯᠢ ᠬᠡᠵᠤ | ᠬᠤᠪᠢᠶᠠᠵᠤ ᠪᠤᠯᠬᠤ ᠥᠬᠡᠢ ᠂ ᠤᠯᠠᠨ ᠨᠠᠶᠢᠳᠡ ᠶᠢᠨ ᠡᠬᠢ ᠰᠤᠷᠪᠤᠯᠵᠢ ᠶᠢ ᠠᠰᠢᠭᠯᠠᠨ ᠴᠥᠬᠡᠨ ᠳᠤᠭᠠᠨ ᠤ | ᠴᠤᠩᠬᠤᠪᠴᠢ ᠰᠤᠷᠭᠠᠭᠤᠯᠢ ᠂ ᠵᠢᠱᠢᠶ᠎ᠡ ᠥᠵᠡᠬᠦᠯᠬᠦ ᠰᠤᠷᠭᠠᠭᠤᠯᠢ ᠶᠢ ᠪᠠᠶᠢᠭᠤᠯᠬᠤ ᠪᠤᠶᠤ ᠳᠡᠮᠵᠢᠵᠤ ᠪᠤᠯᠬᠤ ᠥᠬᠡᠢ ᠃ | | ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠳᠤᠨ ᠤ ᠰᠤᠷᠭᠠᠭᠤᠯᠢ ᠨᠤᠭᠤᠳ ᠤᠷᠤᠨ ᠬᠡᠰᠡᠭ ᠬᠤᠪᠢᠶᠠᠨ | ᠰᠤᠷᠤᠭᠴᠢ ᠡᠯᠰᠡᠬᠦ ᠳᠤᠭᠳᠠᠭᠠᠯ ᠢ ᠴᠢᠩᠭ᠎ᠠ ᠬᠡᠷᠡᠭᠵᠢᠬᠦᠯᠵᠤ ᠂ ᠰᠤᠷᠭᠠᠭᠤᠯᠢ ᠶᠢᠨ ᠨᠠᠰᠤᠨ ᠤ ᠬᠡᠤᠬᠡᠳ ᠤᠳ | ᠤᠢᠢᠷ᠎ᠡ ᠬᠠᠪᠢ ᠶᠢᠨ ᠰᠤᠷᠭᠠᠭᠤᠯᠢ ᠳᠤ ᠰᠠᠭᠤᠬᠤ ᠶᠢ ᠪᠠᠳᠤᠯᠠᠨ᠎ᠡ ᠂ ᠰᠤᠷᠭᠠᠭᠤᠯᠢ ᠨᠤᠭᠤᠳ ᠶᠠᠮᠠᠷᠪᠡ ᠬᠡᠯᠪᠡᠷᠢ | ᠪᠠᠷ ᠰᠤᠩᠭᠤᠨ ᠡᠯᠰᠡᠬᠦ ᠶᠢ ᠡᠷᠡᠰ ᠴᠠᠭᠠᠵᠠᠯᠠᠨ᠎ᠠ ᠃ ᠰᠤᠷᠤᠭᠴᠢᠳ ᠰᠤᠷᠭᠠᠭᠤᠯᠢ ᠳᠤ ᠤᠷᠤᠭᠰᠠᠨ ᠤ ᠳᠠᠷᠠᠭ᠎ᠠ | ᠢᠯᠡ ᠳᠤᠳᠤ ᠡᠷᠬᠡ ᠳᠡᠭᠰᠢ ᠪᠠᠷ ᠠᠩᠬᠢ ᠬᠤᠪᠢᠶᠠᠬᠤ ᠬᠡᠷᠡᠭᠳᠡᠢ ᠂ ᠶᠠᠮᠠᠷᠪᠡ ᠨᠡᠷ᠎ᠡ ᠪᠤᠶᠤ ᠬᠡᠯᠪᠡᠷᠢ ᠪᠠᠷ ᠭᠤᠤᠯᠳᠠᠯᠭ᠎ᠠ | ᠲᠠᠢ ᠠᠩᠬᠢ ᠂ ᠳᠤᠷᠰᠢᠯᠳᠡ ᠶᠢᠨ ᠠᠩᠬᠢ ᠬᠤᠪᠢᠶᠠᠵᠤ ᠪᠤᠯᠬᠤ ᠥᠭᠡᠢ ᠃ ᠡᠩ ᠤᠨ ᠥᠨᠳᠥᠷ ᠵᠡᠷᠬᠡ | ᠶᠢᠨ ᠰᠢᠯᠢᠳᠡᠭ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠳᠥᠯᠥᠪᠯᠡᠭᠡ ᠶᠢ ᠠᠩᠬ᠎ᠠ ᠵᠡᠷᠬᠡ ᠶᠢᠨ | ᠳᠤᠮᠳᠠᠳᠤ ᠰᠤᠷᠭᠠᠭᠤᠯᠢ ᠳᠤ ᠬᠤᠪᠢᠶᠠᠷᠢᠯᠡᠬᠤ ᠠᠷᠭ᠎ᠠ ᠶᠢ ᠥᠷᠬᠦᠯᠵᠢᠯᠡᠨ ᠬᠡᠷᠡᠭᠵᠢᠬᠦᠯᠵᠤ ᠂ ᠠᠩᠬ᠎ᠠ ᠵᠡᠷᠬᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠢᠷᠡᠯᠳᠡ ᠶᠢ ᠤᠯᠠᠮ ᠨᠢᠬᠡ ᠠᠯᠬᠤᠮ ᠳᠡᠩᠴᠡᠬᠦᠷᠢᠳᠡᠢ | ᠪᠠᠶᠢᠯᠭᠠᠨ᠎ᠠ᠃ | ᠰᠤᠷᠭᠠᠭᠤᠯᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢ ᠴᠢᠩᠭᠠᠳᠬᠠᠵᠤ ᠂ ᠰᠥᠢᠳᠬᠡᠯ ᠬᠤᠷᠢᠶᠠᠬᠤ | ᠠᠵᠢᠯᠯᠠᠭ᠎ᠠ ᠶᠢ ᠳᠥᠷᠢᠮᠵᠢᠬᠦᠯᠥᠨᠡ ᠃ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠯᠪᠠᠨ | ᠵᠢᠷᠤᠮ ᠤᠨ ᠰᠤᠷᠭᠠᠨ ᠬᠥᠮᠥᠵᠢᠯ ᠤᠨ ᠵᠠᠷᠤᠳᠠᠯ ᠤᠨ ᠬᠠᠮᠢᠶᠠᠷᠤᠯᠳᠠ ᠶᠢ ᠴᠢᠩᠭᠠᠳᠬᠠᠵᠤ ᠂ ᠰᠤᠷᠭᠠᠭᠤᠯᠢ ᠶᠢ | ᠱᠠᠭᠠᠷᠳᠠᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠳᠥᠷᠢᠮ ᠢᠶᠠᠨ ᠪᠥᠷᠢᠨᠰᠢᠬᠦᠯᠵᠤ ᠂ ᠠᠯᠪᠠᠨ ᠵᠢᠷᠤᠮ | ᠤᠨ ᠰᠤᠷᠭᠠᠨ ᠬᠥᠮᠥᠵᠢᠯ ᠤᠨ ᠵᠠᠷᠤᠳᠠᠯ ᠤᠨ ᠠᠮᠤᠷ ᠳᠥᠪᠰᠢᠨ ᠂ ᠥᠨᠳᠥᠷ ᠥᠷ᠎ᠡ ᠠᠰᠢᠭ ᠲᠠᠢ ᠬᠡᠷᠡᠭᠯᠡᠯᠳᠡ ᠶᠢ | ᠪᠠᠳᠤᠯᠠᠬᠤ ᠬᠡᠷᠡᠭᠳᠡᠢ ᠃ ᠰᠤᠷᠭᠠᠭᠤᠯᠢ ᠨᠤᠭᠤᠳ ᠤᠨ ᠰᠥᠢᠳᠬᠡᠯ ᠬᠤᠷᠢᠶᠠᠬᠤ ᠠᠵᠢᠯᠯᠠᠭ᠎ᠠ ᠶᠢ ᠤᠯᠠᠮ ᠨᠢᠬᠡ | ᠠᠯᠬᠤᠮ ᠳᠥᠷᠢᠮᠵᠢᠬᠦᠯᠵᠤ ᠂ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠵᠤ ᠂ ᠳᠤᠭᠳᠠᠭᠠᠯ ᠠᠴᠠ ᠵᠥᠷᠢᠴᠡᠨ | ᠰᠥᠢᠳᠬᠡᠯ ᠬᠤᠷᠢᠶᠠᠭᠰᠠᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠬᠡᠬᠦ ᠬᠡᠷᠡᠭᠳᠡᠢ ᠃ | ᠰᠤᠷᠭᠠᠭᠤᠯᠢ ᠶᠢᠨ ᠠᠶᠤᠯᠬᠦᠢ ᠶᠢᠨ ᠠᠵᠢᠯ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠨ ᠴᠢᠩᠭᠠᠳᠬᠠᠵᠤ ᠂ | ᠠᠶᠤᠯᠬᠦᠢ ᠶᠢᠨ ᠬᠠᠮᠢᠶᠠᠷᠤᠯᠳᠠ ᠶᠢᠨ ᠳᠥᠷᠢᠮ ᠢ ᠤᠯᠠᠮ ᠨᠢᠬᠡ ᠠᠯᠬᠤᠮ ᠪᠥᠷᠢᠨᠰᠢᠬᠦᠯᠥᠨ ᠳᠡᠬᠦᠯᠳᠡᠷᠵᠢᠬᠦᠯᠬᠦ ᠶᠢᠨ | ᠬᠠᠮᠳᠤ ᠰᠠᠶᠢᠳᠤᠷ ᠬᠡᠷᠡᠭᠵᠢᠬᠦᠯᠵᠤ ᠂ ᠠᠶᠤᠯᠬᠦᠢ ᠶᠢᠨ ᠳᠡᠯᠳᠡ ᠬᠡᠮ ᠢ ᠴᠠᠭ ᠳᠤᠬᠠᠢ ᠳᠤᠨᠢ ᠪᠠᠶᠢᠴᠠᠭᠠᠨ ᠠᠷᠢᠯᠭᠠᠵᠤ | ᠂ ᠰᠤᠷᠭᠠᠭᠤᠯᠢ ᠶᠢᠨ ᠠᠶᠤᠯᠬᠦᠢ ᠶᠢᠨ ᠬᠥᠮᠥᠵᠢᠯ ᠢ ᠴᠢᠩᠭᠠᠳᠬᠠᠵᠤ ᠂ ᠰᠤᠷᠤᠭᠴᠢᠳ ᠤᠨ ᠠᠮᠤᠷ ᠳᠥᠪᠰᠢᠨ ᠢ | ᠪᠠᠳᠤᠯᠠᠬᠤ ᠪᠠᠷ ᠬᠥᠴᠥᠯᠡᠨ ᠴᠢᠷᠮᠡᠶᠢᠨ᠎ᠡ ᠃ | ( ᠳᠠᠪᠤ ) ᠤᠨᠴᠠᠭᠠᠢ ᠬᠠᠮᠳᠤ ᠤᠯᠠᠨ ᠢ ᠬᠠᠯᠠᠮᠵᠢᠯᠠᠵᠤ ᠂ ᠡᠷᠬᠡ ᠳᠡᠭᠰᠢ ᠪᠠᠷ ᠠᠯᠪᠠᠨ ᠵᠢᠷᠤᠮ ᠤᠨ ᠰᠤᠷᠭᠠᠨ | ᠬᠥᠮᠥᠵᠢᠯ ᠬᠥᠷᠳᠡᠬᠦ ᠶᠢ ᠪᠠᠳᠤᠯᠠᠨ᠎ᠠ ᠃ ᠬᠤᠳᠠ ᠳᠤ ᠤᠷᠤᠵᠤ ᠬᠥᠴᠥ ᠶᠠᠪᠤᠭᠰᠠᠳ ᠤᠨ ᠥᠷ᠎ᠡ ᠬᠡᠤᠬᠡᠳ ᠤᠨ | ᠡᠷᠬᠡ ᠳᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠥᠵᠢᠯ ᠬᠥᠷᠳᠡᠬᠦ ᠶᠢ ᠪᠠᠳᠤᠯᠠᠨ᠎ᠠ ᠃ ᠤᠴᠢᠭᠰᠠᠨ ᠭᠠᠵᠠᠷ | ᠢᠶᠠᠷ ᠭᠤᠤᠯ ᠪᠤᠯᠭᠠᠬᠤ ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠪᠠᠷ ᠭᠤᠤᠯ ᠪᠤᠯᠭᠠᠬᠤ ︽ᠬᠤᠶᠠᠷ ᠢᠶᠠᠷ | ᠭᠤᠤᠯ ᠪᠤᠯᠭᠠᠬᠤ ︾ ᠲᠥᠷᠥ ᠶᠢᠨ ᠪᠤᠳᠤᠯᠭ᠎ᠠ ᠶᠢ ᠪᠠᠷᠢᠮᠳᠠᠯᠠᠵᠤ ᠂ ᠪᠠᠶᠢᠩᠭᠤ ᠶᠢᠨ ᠰᠠᠭᠤᠭ᠎ᠠ ᠬᠥᠮᠥᠨ ᠠᠮᠠ ᠶᠢ | ᠤᠷᠤᠨ ᠳᠤᠭᠤᠷᠢᠭ ᠤᠨ ᠰᠤᠷᠭᠠᠨ ᠬᠥᠮᠥᠵᠢᠯ ᠤᠨ ᠬᠥᠭᠵᠢᠯᠳᠡ ᠶᠢᠨ ᠳᠥᠯᠤᠪᠵᠢᠬᠦᠯᠬᠡ ᠳᠤ ᠤᠷᠤᠭᠤᠯᠵᠤ ᠂ | ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠡᠬᠢ ᠰᠤᠷᠪᠤᠯᠵᠢ ᠶᠢ ᠳᠥᠯᠥᠪᠯᠡᠭᠡ ᠲᠠᠢ ᠪᠠᠷ ᠥᠷᠬᠡᠳᠬᠡᠵᠤ ᠂ | ᠬᠤᠳᠠ ᠳᠤ ᠤᠷᠤᠵᠤ ᠬᠥᠴᠥ ᠶᠠᠪᠤᠭᠰᠠᠳ ᠤᠨ ᠥᠷ᠎ᠡ ᠬᠡᠤᠬᠡᠳ ᠢ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ | ᠡᠷᠬᠡ ᠳᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠥᠵᠢᠯ ᠬᠥᠷᠳᠡᠬᠡᠨ᠎ᠡ ᠃ | ᠮᠠᠯᠵᠢᠬᠤ ᠳᠠᠷᠢᠶᠠᠯᠠᠬᠤ ᠤᠷᠤᠨ ᠤ ᠨᠤᠳᠤᠭ ᠲᠠᠭᠠᠨ ᠬᠤᠴᠤᠷᠤᠭᠰᠠᠨ ᠬᠡᠤᠬᠡᠳ ᠪᠠᠭᠠᠴᠤᠳ ᠤᠨ ᠰᠤᠷᠭᠠᠨ | ᠬᠥᠮᠥᠵᠢᠯ ᠬᠠᠮᠢᠶᠠᠷᠤᠯᠳᠠ ᠶᠢ ᠴᠢᠩᠭᠠᠳᠬᠠᠨ᠎ᠡ ᠃ ᠵᠠᠰᠠᠭ ᠤᠨ ᠤᠷᠳᠤᠨ ᠭᠤᠤᠯᠯᠠᠭᠰᠠᠨ᠂ ᠨᠡᠶᠢᠬᠡᠮ ᠢᠶᠠᠷ ᠢᠶᠠᠨ | ᠤᠷᠤᠯᠴᠠᠭᠰᠠᠨ ᠨᠤᠳᠤᠭ ᠲᠠᠭᠠᠨ ᠬᠤᠴᠤᠷᠤᠭᠰᠠᠨ ᠬᠡᠤᠬᠡᠳ ᠪᠠᠭᠠᠴᠤᠳ ᠢ ᠬᠠᠯᠠᠮᠵᠢᠯᠠᠨ ᠥᠢᠯᠡᠴᠢᠯᠡᠬᠦ ᠰᠢᠰᠲ᠋ᠧᠮᠵᠢ | ᠶᠢ ᠪᠠᠶᠢᠭᠤᠯᠤᠨ᠎ᠠ ᠃ ᠰᠤᠷᠭᠠᠭᠤᠯᠢ ᠨᠤᠳᠤᠭ ᠲᠠᠭᠠᠨ ᠬᠤᠴᠤᠷᠤᠭᠰᠠᠨ ᠬᠡᠤᠬᠡᠳ ᠪᠠᠭᠠᠴᠤᠳ ᠢ ᠳᠠᠩᠰᠠᠯᠠᠬᠤ ᠂ | ᠨᠢᠭᠤᠷᠯᠠᠯ ᠳᠤᠭᠳᠠᠭᠠᠨ ᠳᠡᠮᠵᠢᠬᠦ ᠳᠥᠷᠢᠮ ᠢ ᠳᠤᠭᠳᠠᠭᠠᠨ ᠬᠡᠷᠡᠭᠵᠢᠬᠦᠯᠵᠤ ᠂ ᠬᠡᠷ ᠤᠨ ᠠᠬᠠᠮᠠᠳ ᠂ ᠬᠠᠷᠠᠭᠠᠯᠵᠠᠨ | ᠬᠠᠮᠠᠭᠠᠯᠠᠭᠴᠢ ᠲᠠᠢ ᠨᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠂ ᠨᠤᠳᠤᠭ ᠲᠠᠭᠠᠨ ᠬᠤᠴᠤᠷᠤᠭᠰᠠᠨ ᠬᠡᠤᠬᠡᠳ | ᠪᠠᠭᠠᠴᠤᠳ ᠤᠨ ᠪᠡᠶ᠎ᠡ ᠰᠡᠳᠬᠢᠯ ᠤᠨ ᠡᠷᠡᠬᠦᠯ ᠴᠢᠬᠢᠷᠠᠭ ᠢ ᠬᠠᠯᠠᠮᠵᠢᠯᠠᠵᠤ ᠂ ᠳᠡᠳᠡᠨ ᠳᠤ ᠨᠢᠬᠡᠨ ᠬᠠᠯᠠᠭᠤᠨ | ᠳᠤᠯᠠᠭᠠᠨ ᠠᠮᠢᠳᠤᠷᠠᠯ ᠤᠨ ᠤᠷᠴᠢᠨ ᠳᠤᠭᠤᠷᠢᠨ ᠬᠠᠩᠭᠠᠬᠤ ᠬᠡᠷᠡᠭᠳᠡᠢ ᠃ | ︽ᠰᠢᠯᠢ ᠶᠢᠨ ᠭᠤᠤᠯ ᠠᠶᠢᠮᠠᠭ ᠤᠨ ᠤᠨᠴᠠᠭᠠᠢ ᠰᠤᠷᠭᠠᠨ ᠬᠥᠮᠥᠵᠢᠯ ᠤᠨ ᠬᠥᠭᠵᠢᠯᠳᠡ ᠶᠢ ᠳᠥᠷᠬᠡᠳᠬᠡᠬᠦ | ᠬᠡᠷᠡᠭᠵᠢᠬᠦᠯᠥᠯᠳᠡ ᠶᠢᠨ ᠳᠥᠰᠥᠯ ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠤᠨᠴᠠᠭᠠᠢ ᠰᠤᠷᠭᠠᠨ ᠬᠥᠮᠥᠵᠢᠯ | ᠤᠨ ᠰᠤᠷᠭᠠᠭᠤᠯᠢ ᠶᠢᠨ ᠪᠥᠲᠥᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ | ᠂ ᠡᠩ ᠤᠨ ᠰᠤᠷᠭᠠᠭᠤᠯᠢ ᠳᠤ ᠤᠨᠴᠠᠭᠠᠢ ᠰᠤᠷᠭᠠᠨ ᠬᠥᠮᠥᠵᠢᠯ ᠤᠨ ᠠᠩᠬᠢ ᠭᠠᠷᠭᠠᠬᠤ ᠪᠤᠶᠤ ᠡᠩ ᠤᠨ ᠠᠩᠬᠢ | ᠶᠢ ᠲᠠᠭᠠᠨ ᠰᠤᠷᠤᠯᠴᠠᠬᠤ ᠠᠵᠢᠯ ᠢ ᠢᠳᠡᠪᠬᠢᠳᠡᠢ ᠥᠷᠨᠢᠬᠦᠯᠵᠤ ᠂ ᠵᠡᠮᠳᠡᠭ ᠬᠡᠤᠬᠡᠳ ᠪᠠᠭᠠᠴᠤᠳ ᠤᠨ ᠠᠯᠪᠠᠨ | ᠵᠢᠷᠤᠮ ᠤᠨ ᠰᠤᠷᠭᠠᠨ ᠬᠥᠮᠥᠵᠢᠯ ᠬᠥᠷᠳᠡᠬᠦ ᠡᠷᠬᠡ ᠶᠢ ᠪᠠᠳᠤᠯᠠᠵᠤ ᠂ ᠳᠡᠳᠡᠨ ᠢ ᠡᠩ ᠤᠨ ᠰᠤᠷᠤᠭᠴᠢᠳ ᠲᠠᠢ | ᠠᠳᠠᠯᠢ ᠪᠠᠷ ᠥᠰᠥᠨ ᠪᠤᠶᠢᠵᠢᠭᠤᠯᠤᠨ᠎ᠠ ᠃ | ᠳᠥᠷᠪᠡ ᠂ ᠤᠳᠤᠷᠢᠳᠤᠯᠭ᠎ᠠ ᠶᠢᠨ ᠪᠠᠳᠤᠯᠠᠭ᠎ᠠ | ( ᠨᠢᠬᠡ ) ᠡᠯ᠎ᠡ ᠭᠠᠵᠠᠷ ᠤᠷᠤᠨ ᠤ ᠵᠠᠰᠠᠭ ᠤᠨ ᠤᠷᠳᠤᠨ ᠠᠯᠪᠠᠨ ᠵᠢᠷᠤᠮ ᠤᠨ ᠰᠤᠷᠭᠠᠨ ᠬᠥᠮᠥᠵᠢᠯ ᠢ | ᠳᠡᠩᠴᠡᠬᠦᠷᠢᠳᠡᠢ ᠬᠥᠭᠵᠢᠬᠦᠯᠬᠦ ᠬᠠᠷᠢᠭᠤᠴᠠᠯᠭ᠎ᠠ ᠶᠢ ᠥᠨᠡᠨᠬᠦ ᠡᠬᠦᠷᠬᠡᠯᠡᠵᠤ ᠂ ᠳᠤᠰ ᠭᠠᠵᠠᠷ ᠤᠷᠤᠨ ᠤ ᠠᠯᠪᠠᠨ | ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠳᠠᠬᠢ ᠤᠳᠤᠷᠢᠳᠤᠯᠭ᠎ᠠ ᠪᠠᠨ ᠴᠢᠩᠭᠠᠳᠬᠠᠵᠤ ᠂ | ᠠᠵᠤ ᠠᠬᠤᠢ ᠨᠡᠶᠢᠬᠡᠮ ᠤᠨ ᠶᠡᠷᠥᠩᠬᠡᠢ ᠬᠥᠭᠵᠢᠯᠳᠡ ᠶᠢᠨ ᠳᠥᠯᠥᠪᠵᠢᠬᠦᠯᠬᠡ ᠳᠡᠭᠡᠨ ᠤᠷᠤᠭᠤᠯᠵᠤ ᠂ ᠰᠤᠷᠭᠠᠨ | ᠬᠥᠮᠥᠵᠢᠯ ᠂ ᠬᠥᠭᠵᠢᠬᠦᠯᠥᠯᠳᠡ ᠥᠬᠡᠷᠡᠴᠢᠯᠡᠯᠳᠡ ᠂ ᠡᠳ᠋ ᠤᠨ ᠵᠠᠰᠠᠭ ᠂ ᠠᠵᠢᠯᠳᠡᠨ ᠤ ᠶᠠᠪᠤᠳᠠᠯ ᠂ ᠤᠷᠤᠨ | ᠳᠤᠭ᠎ᠠ ᠵᠡᠷᠬᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠳᠤᠳᠤᠷᠬᠠᠢᠢᠯᠠᠵᠤ ᠂ ᠨᠢᠬᠡᠳᠥᠯᠳᠡᠢ ᠵᠤᠬᠢᠴᠠᠭᠤᠯᠤᠨ | ᠳᠥᠯᠥᠪᠯᠡᠵᠤ ᠂ ᠨᠠᠶᠢᠳᠠᠪᠤᠷᠢᠵᠢᠭᠤᠯᠤᠯᠳᠠ ᠶᠢ ᠬᠥᠴᠥᠳᠡᠢ ᠠᠳᠬᠤᠵᠤ ᠂ ᠳᠤᠰ ᠭᠠᠵᠠᠷ ᠤᠷᠤᠨ ᠤ ᠠᠯᠪᠠᠨ | ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢᠨ ᠳᠥᠯᠥᠪᠵᠢᠬᠦᠯᠬᠡ ᠶᠢᠨ ᠬᠠᠷᠠᠯᠳᠠ ᠪᠠᠨ | ᠳᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ ᠃ ᠡᠯ᠎ᠡ ᠬᠤᠰᠢᠭᠤ ᠰᠢᠶᠡᠨ ᠬᠤᠳᠠ ( | ᠤᠷᠤᠨ ) ᠶᠢᠨ ᠵᠠᠰᠠᠭ ᠤᠨ ᠤᠷᠳᠤᠨ ᠳᠤᠰ ᠭᠠᠵᠠᠷ ᠤᠷᠤᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠳᠡᠩᠴᠡᠬᠦᠷᠢᠳᠡᠢ ᠬᠥᠭᠵᠢᠯᠳᠡ ᠶᠢᠨ ᠪᠤᠳᠠᠳᠠᠢ ᠳᠥᠯᠥᠪᠵᠢᠬᠦᠯᠬᠡ ᠪᠠ ᠬᠡᠷᠡᠭᠵᠢᠬᠦᠯᠥᠯᠳᠡ ᠶᠢ ᠬᠠᠷᠢᠭᠤᠴᠠᠵᠤ᠂ | ᠵᠠᠬᠢᠷᠭ᠎ᠠ ᠠᠴᠠ ᠳᠤᠭᠳᠠᠭᠰᠠᠨ ᠬᠤᠭᠤᠴᠠᠭᠠᠨ ᠳᠤ ᠱᠠᠯᠠᠪᠳᠠᠭᠤᠯᠤᠨ ᠪᠠᠶᠢᠴᠠᠭᠠᠵᠤ ᠂ ᠵᠢᠭᠠᠨ ᠵᠢᠯᠤᠭᠤᠳᠤᠨ᠎ᠠ ᠃ | ( ᠬᠤᠶᠠᠷ ) ᠠᠯᠪᠠᠨ ᠵᠢᠷᠤᠮ ᠤᠨ ᠰᠤᠷᠭᠠᠨ ᠬᠥᠮᠥᠵᠢᠯ ᠳᠠᠬᠢ ᠪᠡᠯᠡ ᠤᠷᠤᠭᠤᠯᠤᠯᠳᠠ ᠶᠢᠨ ᠲᠥᠷᠥ ᠶᠢᠨ | ᠪᠤᠳᠤᠯᠭ᠎ᠠ ᠶᠢ ᠪᠥᠬᠦ ᠳᠠᠯ᠎ᠠ ᠪᠠᠷ ᠨᠠᠶᠢᠳᠠᠪᠤᠷᠢᠵᠢᠭᠤᠯᠤᠨ᠎ᠠ ᠃ ᠡᠯ᠎ᠡ ᠬᠤᠰᠢᠭᠤ ᠰᠢᠶᠡᠨ ᠬᠤᠳᠠ ( ᠤᠷᠤᠨ ) ᠶᠢᠨ | ᠠᠷᠠᠳ ᠤᠨ ᠵᠠᠰᠠᠭ ᠤᠨ ᠤᠷᠳᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠵᠠᠷᠤᠳᠠᠯ ᠢ ᠪᠠᠳᠤᠯᠠᠬᠤ | ᠳᠤᠭᠳᠠᠴᠠ ᠶᠢ ᠳᠠᠰᠤᠷᠠᠯᠳᠠ ᠥᠭᠡᠢ ᠳᠡᠬᠦᠯᠳᠡᠷᠵᠢᠬᠦᠯᠵᠤ ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠵᠠᠷᠤᠳᠠᠯ ᠤᠨ ︽ᠭᠤᠷᠪᠡ ᠶᠢ ᠨᠡᠮᠡᠭᠳᠡᠬᠦᠯᠬᠦ ︾ ᠶᠢ ᠬᠠᠤᠯᠢ ᠶᠤᠰᠤᠭᠠᠷ ᠨᠡᠶᠢᠳᠠᠪᠤᠷᠢᠵᠢᠭᠤᠯᠵᠤ ᠂ ᠰᠤᠷᠭᠠᠨ | ᠬᠥᠮᠥᠵᠢᠯ ᠤᠨ ᠳᠠᠭᠠᠯᠳᠠ ᠰᠥᠢᠳᠬᠡᠯ ᠢ ᠳᠤᠭ᠎ᠠ ᠶᠤᠰᠤᠭᠠᠷ ᠬᠤᠷᠢᠶᠠᠨ᠎ᠠ ᠃ ᠠᠯᠪᠠᠨ ᠵᠢᠷᠤᠮ ᠤᠨ ᠰᠤᠷᠭᠠᠨ | ᠬᠥᠮᠥᠵᠢᠯ ᠤᠨ ᠵᠠᠷᠤᠳᠠᠯ ᠢ ᠪᠥᠬᠦᠨ ᠢ ᠡᠳ᠋ ᠤᠨ ᠵᠠᠰᠠᠭ ᠤᠨ ᠳᠥᠰᠥᠪ ᠲᠡᠭᠡᠨ ᠤᠷᠤᠭᠤᠯᠵᠤ ᠂ ᠠᠯᠪᠠᠨ ᠵᠢᠷᠤᠮ | ᠤᠨ ᠰᠤᠷᠭᠠᠨ ᠬᠥᠮᠥᠵᠢᠯ ᠤᠨ ᠰᠤᠷᠤᠭᠴᠢᠳ ᠨᠢᠬᠡᠪᠤᠷᠢ ᠳᠤ ᠳᠡᠭᠰᠢᠳᠬᠡᠭᠰᠡᠨ ᠵᠠᠷᠤᠳᠠᠯ ᠥᠭᠬᠦ ᠬᠤᠳᠠ ᠬᠥᠳᠡᠭᠡ | ᠨᠢᠬᠡᠳᠥᠯᠳᠡᠢ ᠪᠠᠷᠢᠮᠵᠢᠶ᠎ᠡ ᠶᠢ ᠬᠡᠷᠡᠭᠵᠢᠬᠦᠯᠤᠨ᠎ᠠ ᠃ ᠰᠤᠷᠭᠠᠨ ᠬᠥᠮᠥᠵᠢᠯ ᠤᠨ ᠵᠠᠷᠤᠯᠭ᠎ᠠ ᠶᠢᠨ ᠪᠥᠲᠥᠴᠡ ᠶᠢ | ᠰᠢᠯᠢᠳᠡᠭᠵᠢᠬᠦᠯᠵᠤ ᠂ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠪᠠ ᠪᠠᠭᠤᠷᠠᠢ ᠰᠤᠷᠭᠠᠭᠤᠯᠢ ᠶᠢ | ᠬᠠᠷᠠᠭᠠᠯᠵᠠᠵᠤ ᠂ ᠮᠠᠯᠵᠢᠬᠤ ᠳᠠᠷᠢᠶᠠᠯᠠᠬᠤ ᠤᠷᠤᠨ ᠤ ᠰᠤᠷᠭᠠᠭᠤᠯᠢ ᠪᠠ ᠪᠠᠭᠤᠷᠠᠢ ᠰᠤᠷᠭᠠᠭᠤᠯᠢ ᠶᠢᠨ ᠪᠥᠲᠥᠬᠡᠨ | ᠪᠠᠶᠢᠭᠤᠯᠤᠯᠳᠠ ᠶᠢ ᠠᠬᠢᠭᠤᠯᠤᠨ᠎ᠠ ᠃ | ( ᠭᠤᠷᠪᠠ ) ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢ ᠱᠠᠭᠠᠷᠳᠠᠨ | ᠵᠢᠯᠤᠭᠤᠳᠴᠤ ᠥᠨᠡᠯᠡᠬᠦ ᠳᠥᠷᠢᠮ ᠢ ᠬᠡᠷᠡᠭᠵᠢᠬᠦᠯᠥᠨ᠎ᠡ ᠃ ᠥᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ | ᠤᠨ ᠤᠷᠳᠤᠨ ᠤ ᠰᠤᠷᠭᠠᠨ ᠬᠥᠮᠥᠵᠢᠯ ᠤᠨ ᠱᠠᠭᠠᠷᠳᠠᠨ ᠵᠢᠯᠤᠭᠤᠳᠬᠤ ᠪᠥᠯᠬᠦᠮ ᠠᠴᠠ ᠬᠤᠰᠢᠭᠤ ᠰᠢᠶᠡᠨ ᠤ | ᠠᠷᠠᠳ ᠤᠨ ᠵᠠᠰᠠᠭ ᠤᠨ ᠤᠷᠳᠤᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ | ᠬᠥᠭᠵᠢᠯᠳᠡ ᠶᠢ ᠠᠬᠢᠭᠤᠯᠬᠤ ᠳᠤ ᠱᠠᠭᠠᠷᠳᠠᠨ ᠵᠢᠯᠤᠭᠤᠳᠴᠤ ᠥᠨᠡᠯᠡᠬᠦ ᠳᠥᠷᠢᠮ ᠢ ᠬᠡᠷᠡᠭᠵᠢᠬᠦᠯᠵᠤ ᠂ ᠥᠨᠡᠯᠡᠬᠦ | ᠨᠠᠷᠢᠨ ᠳᠥᠷᠢᠮ ᠢ ᠥᠨᠳᠥᠰᠥᠯᠡᠵᠤ ᠱᠠᠭᠠᠷᠳᠠᠨ ᠪᠠᠶᠢᠴᠠᠭᠠᠵᠤ ᠂ ᠬᠤᠯᠪᠤᠭᠳᠠᠯ ᠪᠥᠬᠦᠢ ᠬᠤᠰᠢᠭᠤᠨ ( ᠰᠢᠶᠡᠨ | ᠬᠤᠳᠠ ) ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢᠨ ᠪᠠᠶᠢᠳᠠᠯ ᠢ | ᠳᠤᠭᠳᠠᠮᠠᠯ ᠬᠤᠭᠤᠴᠠᠭ᠎ᠠ ᠪᠠᠷ ᠨᠡᠶᠢᠳᠡᠯᠡᠨ᠎ᠡ ᠃ ᠵᠠᠬᠢᠷᠭ᠎ᠠ ᠶᠢᠨ ᠱᠠᠭᠠᠷᠳᠠᠨ ᠵᠢᠯᠤᠭᠤᠳᠬᠤ ᠪᠥᠯᠬᠦᠮ ᠳᠤᠭᠳᠠᠮᠠᠯ | ᠬᠤᠭᠤᠴᠠᠭ᠎ᠠ ᠲᠠᠢ ᠪᠠᠷ ᠵᠢᠯᠤᠭᠤᠳᠤᠨ ᠪᠠᠶᠢᠴᠠᠭᠠᠨ᠎ᠠ ᠃ ᠡᠯ᠎ᠡ ᠬᠤᠰᠢᠭᠤ ᠰᠢᠶᠡᠨ ᠬᠤᠳᠠ ( ᠤᠷᠤᠨ ) ᠶᠢᠨ ᠵᠠᠰᠠᠭ | ᠤᠨ ᠤᠷᠳᠤᠨ ᠬᠠᠷᠢᠶ᠎ᠡ ᠭᠠᠵᠠᠷ ᠤᠷᠤᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ | ᠨᠤᠭᠤᠳ ᠤᠨ ᠬᠤᠭᠤᠷᠤᠨᠳᠤᠬᠢ ᠵᠥᠷᠢᠶ᠎ᠡ ᠂ ᠤᠷᠤᠰᠢᠵᠤ ᠪᠥᠬᠦᠢ ᠠᠰᠠᠭᠤᠳᠠᠯ ᠢ ᠰᠤᠷᠭᠠᠭᠤᠯᠢ ᠳᠠᠷᠠᠭᠠᠯᠠᠨ | ᠪᠠᠶᠢᠴᠠᠭᠠᠵᠤ ᠂ ᠵᠠᠳᠠᠯᠤᠯᠳᠠ ᠬᠢᠬᠦ ᠶᠢᠨ ᠬᠠᠮᠳᠤ ᠪᠠᠶᠢᠴᠠᠭᠠᠭᠰᠠᠨ ᠥᠷ᠎ᠡ ᠳ᠋ᠥᠩ ᠢ ᠵᠤᠬᠢᠬᠤ ᠬᠡᠮᠵᠢᠶ᠎ᠡ ᠪᠠᠷ | ᠨᠡᠶᠢᠳᠡᠯᠡᠨ᠎ᠡ ᠃ | ( ᠳᠥᠷᠪᠡ ) ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢ | ᠤᠷᠮᠠᠰᠢᠭᠤᠯᠬᠤ ᠳᠤᠭᠳᠠᠴᠠ ᠶᠢ ᠪᠠᠶᠢᠭᠤᠯᠤᠨ᠎ᠠ ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠳᠡᠩᠴᠡᠬᠦᠷᠢᠳᠡᠢ ᠬᠥᠭᠵᠢᠯᠳᠡ ᠶᠢ ᠠᠬᠢᠭᠤᠯᠤᠭᠰᠠᠨ ᠳᠡᠷᠢᠬᠦᠨ ᠤ ᠬᠤᠰᠢᠭᠤ ᠰᠢᠶᠡᠨ ᠬᠤᠳᠠ ( ᠤᠷᠤᠨ ) ᠪᠤᠯᠤᠨ | ᠰᠤᠷᠭᠠᠭᠤᠯᠢ ᠶᠢ ᠰᠤᠩᠭᠤᠬᠤ ᠠᠵᠢᠯ ᠢ ᠥᠷᠨᠢᠬᠦᠯᠵᠤ ᠂ ᠥᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ | ᠂ ᠵᠠᠬᠢᠷᠭ᠎ᠠ ᠠᠴᠠ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢ | ᠠᠬᠢᠭᠤᠯᠤᠭᠰᠠᠨ ᠳᠡᠷᠢᠬᠦᠨ ᠤ ᠭᠠᠵᠠᠷ ᠤᠷᠤᠨ ᠂ ᠨᠢᠬᠡᠴᠡ ᠂ ᠬᠤᠪᠢ ᠬᠥᠮᠥᠨ ᠢ ᠰᠠᠶᠢᠰᠢᠶᠡᠨ ᠬᠥᠬᠢᠬᠦᠯᠥᠨᠡ ᠃ | ᠤᠷᠤᠨ ᠳᠤᠭᠤᠷᠢᠭ ᠤᠨ ᠳᠤᠳᠤᠷᠡᠬᠢ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠳᠤᠨ ᠤ ᠰᠤᠷᠭᠠᠭᠤᠯᠢ | ᠨᠤᠭᠤᠳ ᠤᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢᠨ ᠵᠥᠷᠢᠶ᠎ᠡ ᠳᠡᠩᠳᠡᠬᠦᠥ ᠶᠡᠭᠡ ᠪᠤᠶᠤ ᠠᠯᠪᠠᠨ ᠵᠢᠷᠤᠮ ᠤᠨ | ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠬᠡᠳᠤ ᠤᠳᠠᠭᠠᠨ ᠪᠠᠶᠢᠭ᠎ᠠ ᠬᠤᠰᠢᠭᠤ ᠰᠢᠶᠡᠨ ᠬᠤᠳᠠ ( | ᠤᠷᠤᠨ ) ᠶᠢᠨ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠂ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠪᠤᠯᠤᠨ ᠬᠤᠯᠪᠤᠭᠳᠠᠯ ᠪᠥᠬᠦᠢ ᠡᠷᠬᠡ ᠳᠤᠰᠢᠶᠡᠯᠳᠤ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠠᠴᠠ | ᠬᠠᠤᠯᠢ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ ᠃ | ᠠᠯᠪᠠᠨ ᠵᠢᠷᠤᠮ ᠤᠨ ᠰᠤᠷᠭᠠᠨ ᠬᠥᠮᠥᠵᠢᠯ ᠢ ᠳᠡᠩᠴᠡᠬᠦᠷᠢᠳᠡᠢ ᠬᠥᠭᠵᠢᠬᠦᠯᠬᠦ ᠪᠤᠯ ᠰᠤᠷᠭᠠᠨ ᠬᠥᠮᠥᠵᠢᠯ ᠤᠨ | ᠥᠢᠯᠡᠰ ᠢ ᠰᠢᠨᠵᠢᠯᠡᠬᠦ ᠤᠬᠠᠭᠠᠨᠴᠢ ᠪᠠᠷ ᠬᠥᠭᠵᠢᠬᠦᠯᠵᠤ ᠂ ᠨᠡᠶᠢᠬᠡᠮ ᠵᠢᠷᠤᠮ ᠤᠨ ᠡᠶ᠎ᠡ ᠵᠤᠬᠢᠴᠠᠯᠳᠤ ᠨᠡᠶᠢᠬᠡᠮ ᠢ | ᠪᠠᠶᠢᠭᠤᠯᠵᠤ ᠂ ᠰᠤᠷᠭᠠᠨ ᠬᠥᠮᠥᠵᠢᠯ ᠤᠨ ᠬᠥᠭᠵᠢᠯᠳᠡ ᠶᠢᠨ ᠬᠢᠷᠢ ᠳᠥᠪᠰᠢᠨ ᠢ ᠤᠯᠠᠮ ᠨᠢᠬᠡ ᠠᠯᠬᠤᠮ | ᠳᠡᠭᠡᠭᠰᠢᠯᠡᠬᠦᠯᠬᠦ ᠴᠢᠬᠤᠯᠠ ᠠᠷᠭ᠎ᠠ ᠬᠡᠮᠵᠢᠶ᠎ᠡ ᠮᠥᠨ ᠃ ᠡᠯ᠎ᠡ ᠱᠠᠳᠤᠨ ᠤ ᠵᠠᠰᠠᠭ ᠤᠨ ᠤᠷᠳᠤᠨ ᠠᠯᠪᠠᠨ ᠵᠢᠷᠤᠮ | ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ ᠬᠥᠭᠵᠢᠯᠳᠡ ᠶᠢ ᠳᠥᠯᠬᠢᠨ ᠠᠬᠢᠭᠤᠯᠬᠤ ᠶᠢᠨ ᠴᠢᠬᠤᠯᠠ ᠴᠢᠨᠠᠷ ᠂ | ᠤᠷᠳᠤ ᠬᠤᠭᠤᠴᠠᠭᠠᠳᠤ ᠴᠢᠨᠠᠷ ᠪᠤᠯᠤᠨ ᠬᠠᠳᠠᠭᠤᠵᠢᠯᠳᠡᠢ ᠴᠢᠨᠠᠷ ᠢ ᠬᠥᠢᠴᠡᠳ ᠳᠠᠨᠢᠵᠤ ᠂ ᠬᠠᠷᠢᠭᠤᠴᠠᠯᠭᠠᠳᠤ | ᠰᠡᠳᠬᠢᠯᠬᠡ ᠪᠡ ᠪᠠᠴᠢᠮ ᠳᠤᠯᠭᠠᠮ᠎ᠠ ᠰᠡᠳᠬᠢᠯᠬᠡ ᠪᠠᠨ ᠨᠡᠮᠡᠭᠳᠡᠬᠦᠯᠵᠤ ᠂ ᠬᠠᠷᠢᠭᠤᠴᠠᠯᠭ᠎ᠠ ᠪᠠᠨ ᠪᠥᠬᠦ ᠳᠠᠯ᠎ᠠ ᠪᠠᠷ | ᠨᠠᠶᠢᠳᠠᠪᠤᠷᠢᠵᠢᠭᠤᠯᠵᠤ ᠂ ᠪᠡᠯᠡ ᠤᠷᠤᠭᠤᠯᠤᠯᠳᠠ ᠪᠠᠨ ᠥᠨᠡᠨᠬᠦ ᠨᠡᠮᠡᠭᠳᠡᠬᠦᠯᠵᠤ ᠂ ᠲᠥᠷᠥ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠪᠠᠨ ᠳᠡᠬᠦᠯᠳᠡᠷᠵᠢᠬᠦᠯᠵᠤ ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠳᠡᠩᠴᠡᠬᠦᠷᠢᠳᠡᠢ | ᠬᠥᠭᠵᠢᠯᠳᠡ ᠶᠢ ᠬᠥᠨᠵᠡᠬᠡᠢ ᠳᠥᠯᠬᠢᠨ ᠠᠬᠢᠭᠤᠯᠵᠤ ᠂ ᠰᠤᠷᠭᠠᠭᠤᠯᠢ ᠶᠢᠨ ᠨᠠᠰᠤᠨ ᠤ ᠬᠡᠤᠬᠡᠳ ᠪᠠᠭᠠᠴᠤᠳ ᠮᠠᠰᠢ | ᠰᠠᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠬᠥᠷᠳᠡᠬᠦ ᠶᠢ ᠪᠠᠳᠤᠯᠠᠨ᠎ᠠ ᠃ | | | | | | |