ᠪᠦ᠋ ᠰᠢᠶᠤᠤ ᠯᠢᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ   — ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠦ ᠪᠤᠬᠢᠷᠳᠦᠯ ᠦᠭᠡᠢ   ᠭᠥᠭᠵᠢᠯᠲᠡ ᠶᠢ ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2016-07-22
     7 ᠳ᠋ᠤᠭᠠᠷ ᠰᠠᠷ᠎ᠠ ᠶᠢᠨ 19᠎ ᠤ ᠡᠳᠦᠷ᠂ ᠦᠪᠡᠷᠳᠡᠭᠡᠨ ᠵᠠᠰᠠᠬᠤ   ᠤᠷᠤᠨ ᠤ ᠨᠠᠮ ᠤᠨ ᠬᠤᠷᠢᠶᠠᠨ ᠤ ᠲᠡᠳ᠋ ᠱᠦᠵᠢ ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ   ᠯᠢᠨ ᠮᠠᠨ ᠤ ᠠᠶᠢᠮᠠᠭ ᠲᠤ ᠭᠦᠨᠵᠡᠭᠡᠶᠢᠷᠡᠨ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ   ᠪᠠᠶᠢᠴᠠᠭᠠᠨ ᠰᠤᠳᠤᠯᠵᠦ᠂ ᠪᠤᠬᠢᠷᠳᠦᠯ ᠦᠭᠡᠢ ᠭᠦᠭᠵᠢᠯᠳᠡ ᠶᠢᠨ ᠤᠢᠢᠯᠠᠭᠠᠭᠳᠠᠬᠤᠨ ᠢ ᠪᠠᠳᠦ ᠪᠤᠢ ᠪᠤᠯᠭᠠᠵᠦ᠂ ᠠᠵᠦ   ᠠᠬᠤᠢ ᠶᠢᠨ ᠭᠦᠭᠵᠢᠯᠳᠡ ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠴᠠᠭ᠎ᠠ ᠶᠢ ᠵᠦᠪ ᠰᠢᠢᠳᠪᠦᠷᠢᠯᠡᠵᠦ  ᠂ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ ᠪᠤᠬᠢᠷᠳᠦᠯ   ᠦᠭᠡᠢ ᠭᠦᠭᠵᠢᠯᠳᠡ ᠶᠢ ᠴᠢᠷᠮᠠᠶᠢᠨ ᠪᠡᠶᠡᠯᠡᠭᠦᠯᠭᠦ ᠭᠡᠷᠡᠭᠳᠠᠢ ᠭᠡᠵᠦ ᠴᠢᠬᠤᠯᠠᠴᠢᠯᠠᠪᠠ᠃
ᠪᠥ᠋ ᠰᠢᠶᠤᠤ ᠯᠢᠨ ᠳᠤᠯᠤᠨ ᠨᠤᠤᠷ ᠰᠢᠶᠠᠨ ᠤ ᠨᠠᠨ ᠱᠠ ᠯᠢᠶᠠᠩ ᠠᠮᠢ ᠠᠬᠤᠢ ᠶᠢᠨ ᠤᠷᠤᠨ ᠳᠤ ᠠᠮᠢ ᠠᠬᠤᠢ ᠶᠢᠨ   ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠤᠶᠢᠯᠭᠠᠵᠦ ᠪᠠᠶᠢᠭ᠎ᠠ ᠨᠢ  ᠃       ᠰᠢᠯᠢ ᠶᠢᠨ ᠭᠤᠤᠯ ᠲᠠᠭᠠᠤ ᠶᠢᠨ ᠠᠮᠢ ᠠᠬᠤᠢ ᠶᠢᠨ ᠦᠵᠡᠮᠵᠢ ᠶᠢᠨ ᠪᠦᠰᠡ ᠪᠤᠯ ᠰᠢᠯᠢ ᠶᠢᠨ ᠬᠤᠳᠠ ᠠᠮᠢ   ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ᠂ ᠤᠰᠤᠨ ᠤ ᠰᠤᠷᠪᠤᠯᠵᠢ ᠶᠢ ᠬᠠᠳᠠᠭᠠᠯᠠᠬᠤ᠂ ᠠᠮᠢ   ᠠᠬᠤᠢ ᠶᠢᠨ ᠪᠤᠯᠪᠠᠰᠤᠨ ᠪᠤᠬᠢᠷᠳᠦᠯ ᠦᠭᠡᠢ ᠬᠤᠳᠠ ᠶᠢ ᠪᠦᠳᠦᠭᠡᠨ ᠪᠠᠶᠢᠭᠤᠯᠬᠤ ᠴᠢᠬᠤᠯᠠ ᠶᠡᠭᠡ ᠠᠷᠭ᠎ᠠ ᠪᠤᠳᠤᠯᠭ᠎ᠠ᠂   ᠠᠷᠠᠳ ᠲᠦᠮᠡᠨ ᠳᠤ ᠠᠰᠢᠭ ᠭᠦᠷᠳᠡᠭᠡᠭᠦ ᠠᠷᠠᠳ ᠤᠨ ᠰᠡᠳᠬᠢᠯ ᠤᠨ ᠢᠨᠵᠧᠨᠧᠷᠢᠩ ᠮᠦᠨ᠃ ᠪᠦ᠋ ᠰᠢᠶᠤᠤ ᠯᠢᠨ   ᠢᠨᠵᠧᠨᠧᠷᠢᠩ ᠤᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ ᠶᠢᠨ ᠭᠡᠪᠴᠢᠶᠡᠵᠢᠯ ᠵᠢᠴᠢ ᠴᠢᠳᠠᠪᠬᠢ ᠶᠢᠨ   ᠤᠷᠤᠨ ᠤ ᠬᠤᠪᠢᠶᠠᠷᠢᠯᠠᠯ ᠵᠡᠷᠭᠡ ᠪᠠᠶᠢᠳᠠᠯ ᠢ ᠨᠠᠷᠢᠨ ᠤᠢᠢᠯᠠᠭᠠᠭᠰᠠᠨ ᠤ ᠲᠠᠷᠠᠭ᠎ᠠ ᠵᠢᠭᠠᠬᠤ ᠳᠠᠭᠠᠨ᠂ ᠠᠮᠢ ᠠᠬᠤᠢ ᠶᠢᠨ   ᠦᠵᠡᠮᠵᠢ ᠶᠢᠨ ᠪᠦᠰᠡ ᠶᠢ ᠪᠠᠶᠢᠭᠤᠯᠬᠤ ᠪᠤᠯ ᠬᠤᠳᠠ ᠶᠢᠨ ᠪᠤᠬᠢᠷᠳᠦᠯ ᠦᠭᠡᠢ ᠭᠦᠭᠵᠢᠯᠳᠡ ᠶᠢᠨ   ᠪᠠᠶᠢᠷᠢᠯᠠᠭᠤᠯᠤᠯᠳᠠ ᠶᠢ ᠲᠡᠭᠦᠯᠳᠡᠷᠵᠢᠭᠦᠯᠭᠦ᠂ ᠬᠤᠳᠠ ᠶᠢᠨ ᠠᠷᠠᠳ ᠲᠤ ᠠᠵᠠ ᠵᠢᠷᠭᠠᠯ ᠤᠯᠭᠤᠬᠤ ᠴᠢᠬᠤᠯᠠ ᠠᠷᠭ᠎ᠠ   ᠪᠤᠳᠤᠯᠭ᠎ᠠ ᠮᠦᠨ᠂ ᠡᠷᠭᠡᠪᠰᠢ ᠭᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠵᠦ᠂ ᠪᠤᠬᠢᠷᠳᠦᠯ ᠦᠭᠡᠢ᠂   ᠦᠨᠳᠦᠰᠦᠳᠡᠨ ᠤ ᠤᠨᠴᠠᠯᠢᠭ ᠢ ᠲᠤᠪᠤᠶᠢᠯᠭᠠᠵᠦ᠂ ᠦᠨᠳᠦᠷ ᠴᠢᠨᠠᠷ ᠲᠡᠰ ᠢᠶᠠᠷ ᠨᠢᠭᠡᠳᠦᠯᠳᠠᠢ ᠲᠦᠯᠦᠪᠵᠢᠭᠦᠯᠦᠨ   ᠪᠦᠳᠦᠭᠡᠨ ᠪᠠᠶᠢᠭᠤᠯᠵᠦ᠂ ᠠᠮᠢᠳᠦᠷᠠᠬᠤ ᠳᠤ ᠲᠠᠭᠠᠯᠠᠮᠵᠢᠳᠠᠢ ᠬᠤᠳᠠ ᠶᠢᠨ ᠤᠷᠴᠢᠨ ᠲᠤᠭᠤᠷᠢᠨ ᠢ ᠡᠭᠦᠳᠭᠦ ᠭᠡᠷᠡᠭᠳᠡᠢ   ᠭᠡᠪᠡ᠃           ᠪᠦ᠋ ᠰᠢᠶᠤᠤ ᠯᠢᠨ ᠲᠤᠯᠤᠨ ᠨᠤᠤᠷ ᠰᠢᠶᠠᠨ ᠤ ᠨᠠᠨ ᠱᠠ ᠯᠢᠶᠠᠩ ᠠᠮᠢ ᠠᠬᠤᠢ ᠶᠢᠨ ᠤᠷᠤᠨ ᠳᠤ ᠭᠦᠷᠴᠦ᠂   ᠲᠤᠯᠤᠨ ᠨᠤᠤᠷ ᠰᠢᠶᠠᠨ ᠤ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠨᠠᠷᠢᠨ   ᠤᠢᠢᠯᠠᠭᠠᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠠ ᠪᠦᠳᠦᠮᠵᠢ ᠶᠢ ᠭᠦᠢᠴᠡᠳ ᠨᠤᠳᠠᠯᠠᠪᠠ᠃   ᠲᠡᠷᠡ ᠴᠢᠬᠤᠯᠠᠴᠢᠯᠠᠬᠤ ᠳᠠᠭᠠᠨ᠂ ᠲᠤᠯᠤᠨ ᠨᠤᠤᠷ ᠰᠢᠶᠠᠨ ᠠᠮᠢ ᠠᠬᠤᠢ ᠶᠢᠨ ᠪᠤᠯᠪᠠᠰᠤᠨ ᠤ ᠪᠦᠳᠦᠭᠡᠨ   ᠪᠠᠶᠢᠭᠤᠯᠤᠯᠳᠠ ᠶᠢ ᠤᠯᠠᠮ ᠴᠢᠩᠭᠠᠳᠬᠠᠵᠦ᠂ ᠤᠢ ᠰᠢᠭᠤᠢ ᠶᠢᠨ ᠦᠢᠯᠡᠰ ᠤᠨ ᠠᠮᠢ ᠠᠬᠤᠢ ᠶᠢᠨ ᠡᠬᠢ ᠰᠤᠷᠪᠤᠯᠵᠢ ᠶᠢ   ᠨᠢᠮᠪᠠᠢ ᠬᠠᠮᠠᠭᠠᠯᠠᠨ᠂ ᠰᠠᠶᠢᠳᠦᠷ ᠡᠵᠡᠩᠨᠡᠵᠦ᠂ ᠠᠵᠢᠯ ᠤᠨ ᠲᠤᠭᠳᠠᠴᠡ ᠶᠢᠨ ᠰᠢᠨ᠎ᠠ ᠶᠢ ᠡᠭᠦᠳᠴᠦ᠂ ᠬᠠᠮᠢᠶᠠᠷᠴᠦ   ᠬᠠᠮᠠᠭᠠᠯᠠᠬᠤ ᠠᠷᠭ᠎ᠠ ᠭᠡᠮᠵᠢᠶ᠎ᠠ ᠪᠠᠨ ᠴᠢᠩᠭᠠᠳᠬᠠᠵᠦ᠂ ᠤᠨᠴᠠᠯᠢᠬᠳᠦ ᠲᠡᠵᠢᠭᠡᠨ ᠦᠷᠡᠵᠢᠭᠦᠯᠭᠦ ᠦᠢᠯᠡᠰ᠂ ᠤᠢ   ᠰᠢᠭᠤᠢ ᠶᠢᠨ ᠦᠢᠯᠡᠰ ᠤᠨ ᠠᠵᠦ ᠠᠬᠤᠢ᠂ ᠠᠮᠢ ᠠᠬᠤᠢ ᠶᠢᠨ ᠵᠤᠭᠠᠴᠠᠯ ᠵᠡᠷᠭᠡ ᠠᠵᠦ ᠦᠢᠯᠡᠰ ᠢ ᠪᠦᠭᠦ   ᠭᠦᠴᠦᠨ ᠢᠶᠠᠷ ᠭᠦᠭᠵᠢᠭᠦᠯᠵᠦ᠂ ᠠᠮᠢ ᠠᠬᠤᠢ ᠶᠢᠨ ᠲᠠᠪᠠᠭᠤᠯᠢᠭ ᠢᠶᠠᠨ ᠠᠵᠦ ᠦᠢᠯᠡᠰ ᠤᠨ ᠲᠠᠪᠠᠭᠤᠯᠢᠭ ᠪᠤᠯᠭᠠᠨ   ᠬᠤᠪᠢᠷᠠᠭᠤᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠪᠤᠯᠤᠨ ᠠᠵᠦ ᠠᠬᠤᠢ ᠨᠡᠶᠢᠭᠡᠮ ᠤᠨ   ᠭᠦᠭᠵᠢᠯᠳᠡ ᠶᠢᠨ ᠬᠤᠤᠰ ᠠᠰᠢᠭ ᠢ ᠡᠭᠦᠳᠭᠦ ᠭᠡᠷᠡᠭᠳᠠᠢ ᠭᠡᠪᠡ᠃           ᠪᠦ᠋ ᠰᠢᠶᠤᠤ ᠯᠢᠨ ᠠᠶᠦᠯᠭᠦᠢ ᠦᠢᠯᠡᠳᠪᠦᠷᠢᠯᠡᠯ ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ   ᠲᠡᠭᠡᠳᠦ ᠭᠡᠮᠵᠢᠶ᠎ᠠ ᠪᠠᠷ ᠠᠩᠬᠠᠷᠴᠦ᠂ ᠳ᠋ᠠ ᠲᠠᠩ ᠲᠤᠯᠤᠨ ᠨᠤᠤᠷ ᠨᠡᠭᠦᠷᠡᠰᠦ ᠬᠢᠮᠢ ᠶᠢᠨ ᠠᠵᠦ ᠦᠢᠯᠡᠳᠪᠦᠷᠢ ᠶᠢᠨ   ᠠᠭᠤᠷᠰᠢᠭᠤᠯᠬᠤ ᠴᠦᠭᠦᠷᠦᠮ ᠵᠡᠷᠭᠡ ᠭᠠᠵᠠᠷ ᠢᠶᠠᠷ ᠭᠦᠷᠴᠦ᠂ ᠦᠢᠯᠡᠳᠪᠦᠷᠢᠯᠡᠯ᠂ ᠠᠵᠢᠯ ᠤᠨ ᠶᠠᠪᠤᠴᠠ ᠵᠢᠴᠢ ᠠᠵᠦ   ᠠᠬᠤᠢᠢᠯᠠᠯ ᠤᠨ ᠤᠷᠴᠢᠨ ᠲᠤᠭᠤᠷᠢᠨ ᠢ ᠬᠠᠮᠠᠭᠠᠯᠠᠨ ᠴᠡᠭᠴᠡᠯᠡᠭᠦ ᠠᠵᠢᠯ ᠵᠡᠷᠭᠡ ᠶᠢ ᠪᠠᠶᠢᠴᠠᠭᠠᠨ ᠦᠵᠡᠵᠦ᠂ ᠠᠵᠦ   ᠠᠬᠤᠢᠢᠯᠠᠯ ᠠᠶᠤᠯᠭᠦᠢ ᠤᠬᠠᠮᠰᠠᠷ᠂ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢᠶᠠᠨ ᠤᠯᠠᠮ ᠴᠢᠩᠭᠠᠳᠬᠠᠵᠦ᠂   ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠰᠠᠶᠢᠳᠦᠷ ᠨᠠᠶᠢᠳᠠᠪᠤᠷᠢᠵᠢᠭᠤᠯᠵᠦ᠂ ᠲᠠᠯᠳᠠ ᠭᠡᠮ ᠢ ᠪᠠᠶᠢᠴᠠᠭᠠᠬᠤ ᠪᠤᠯᠤᠨ   ᠡᠯ᠎ᠠ ᠲᠦᠷᠦᠯ ᠤᠨ ᠴᠡᠭᠴᠡᠯᠡᠨ ᠵᠠᠰᠠᠬᠤ ᠠᠵᠢᠯ ᠢᠶᠠᠨ ᠨᠠᠷᠢᠨ ᠬᠢᠨᠠᠮᠠᠭᠠᠢ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ   ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠳᠤ ᠠᠳᠡᠯ ᠭᠠᠷᠬᠤ ᠶᠢ ᠡᠷᠡᠰ ᠬᠤᠷᠢᠬᠯᠠᠬᠤ ᠭᠡᠷᠡᠭᠳᠠᠢ᠃ ᠡᠯ᠎ᠠ   ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠶᠤᠯᠭᠦᠢ ᠦᠢᠯᠡᠳᠪᠦᠷᠢᠯᠡᠯ ᠪᠤᠯᠤᠨ ᠤᠷᠴᠢᠨ ᠲᠤᠭᠤᠷᠢᠨ ᠤ   ᠬᠠᠮᠠᠭᠠᠯᠠᠯᠳᠠ ᠶᠢᠨ ᠠᠵᠢᠯ ᠢ ᠲᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠲᠦᠪ ᠪᠤᠯᠤᠨ ᠦᠪᠡᠷᠳᠡᠭᠡᠨ ᠵᠠᠰᠠᠬᠤ   ᠤᠷᠤᠨ ᠤ ᠡᠯ᠎ᠠ ᠲᠦᠷᠦᠯ ᠤᠨ ᠪᠠᠶᠢᠷᠢᠯᠠᠭᠤᠯᠤᠯᠳᠠ ᠪᠤᠯᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠦ᠂ ᠠᠶᠦᠯᠭᠦᠢ   ᠦᠢᠯᠡᠳᠪᠦᠷᠢᠯᠡᠯ ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠦᠷ   ᠬᠢᠵᠦ᠂ ᠠᠵᠦ ᠠᠬᠤᠢ ᠨᠡᠶᠢᠭᠡᠮ ᠤᠨ ᠦᠷᠭᠦᠯᠵᠢᠯᠡᠭᠰᠡᠨ ᠡᠷᠡᠭᠦᠯ ᠭᠦᠭᠵᠢᠯᠳᠡ ᠶᠢ ᠠᠬᠢᠭᠤᠯᠬᠤ ᠭᠡᠷᠡᠭᠳᠠᠢ ᠭᠡᠪᠡ᠃           ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ᠂ ᠠᠶᠢᠮᠠᠭ ᠤᠨ ᠨᠠᠮ ᠤᠨ ᠬᠤᠷᠢᠶᠠᠨ ᠤ   ᠭᠡᠰᠢᠭᠦᠨ᠂ ᠨᠠᠷᠢᠨ ᠪᠢᠴᠢᠭ ᠤᠨ ᠲᠠᠷᠤᠭ᠎ᠠ ᠲᠢᠶᠠᠨ ᠶᠦᠡᠭ᠂ ᠠᠶᠢᠮᠠᠭ ᠤᠨ ᠲᠡᠳ᠋ ᠲᠠᠷᠤᠭ᠎ᠠ ᠡᡁᠸᠦ ᡁᠢ ᠮᠢᠨ ᠪᠠᠷ᠎ᠠ   ᠪᠤᠯᠵᠦ ᠪᠠᠶᠢᠴᠠᠭᠠᠨ ᠰᠤᠳᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号