︽ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠲᠠᠩᠬᠢᠮ ᠤᠨ ᠨᠠᠶᠢᠳᠡᠯᠡᠭᠰᠡᠨ | ᠶᠡᠭᠡ ᠰᠤᠷᠭᠠᠭᠤᠯᠢ ᠳᠤ ᠡᠯᠰᠡᠭᠳᠡᠭᠰᠡᠨ ᠦᠭᠡᠢ ᠲᠡᠭᠡᠳᠤ ᠲᠤᠮᠳᠠᠳᠤ ︵ᠠᠵᠢᠯ ᠮᠡᠷᠭᠡᠵᠢᠯ ᠤᠨ ᠲᠡᠭᠡᠳᠤ | ᠲᠤᠮᠳᠠᠳᠤ ᠪᠠᠭᠳᠠᠨ᠎ᠠ ︶ ᠲᠡᠭᠦᠰᠦᠭᠰᠡᠨ ᠰᠤᠷᠤᠬᠴᠢ ᠶᠢ ᠰᠤᠶᠢᠳᠬᠡᠯ ᠬᠤᠷᠢᠶᠠᠬᠤ ᠦᠭᠡᠢ ᠪᠠᠷ ᠰᠢᠯᠢ ᠶᠢᠨ | ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ | ᠰᠣᠷᠭᠠᠨ ᠬᠦᠮᠦᠵᠢᠯ ᠤᠨ ᠪᠤᠯᠪᠠᠰᠤᠷᠠᠯ ᠬᠦᠷᠳᠡᠬᠡᠬᠦ ᠲᠦᠰᠦᠯ︾ ︵ ᠰᠢᠯᠢ ᠵᠠᠬᠢᠷᠭ᠎ᠠ ᠠᠯᠪᠠᠨ ᠲᠠᠷᠬᠠᠭᠠᠬᠰᠠᠨ | ︿2011﹀ 60 ᠲᠤᠭᠠᠳᠤ︶ ᠪᠢᠴᠢᠭ ᠮᠠᠲ᠋ᠧᠷᠢᠶᠠᠯ ᠤᠨ ᠲᠤᠬᠳᠠᠭᠠᠯ ᠢ ᠦᠨᠳᠣᠰᠣᠯᠡᠨ᠂ ᠶᠡᠭᠡ | ᠰᠤᠷᠭᠠᠭᠤᠯᠢ ᠳᠤ ᠡᠯᠰᠡᠭᠳᠡᠭᠰᠡᠨ ᠦᠭᠡᠢ ᠲᠡᠭᠡᠳᠤ ᠲᠤᠮᠳᠠᠳᠤ ︵ᠠᠵᠢᠯ ᠮᠡᠷᠭᠡᠵᠢᠯ ᠤᠨ ᠲᠡᠭᠡᠳᠤ ᠲᠤᠮᠳᠠᠳᠤ | ᠪᠠᠭᠳᠠᠨ᠎ᠠ ︶ ᠲᠡᠭᠦᠰᠦᠭᠰᠡᠨ ᠰᠤᠷᠤᠬᠴᠢ ᠶᠢ ᠰᠤᠶᠢᠳᠬᠡᠯ ᠬᠤᠷᠢᠶᠠᠬᠤ ᠦᠭᠡᠢ ᠪᠠᠷ ᠲᠡᠭᠡᠳᠤ ᠵᠡᠷᠭᠡ ᠶᠢᠨ | ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠪᠤᠯᠪᠠᠰᠤᠷᠠᠯ ᠬᠦᠷᠳᠡᠬᠡᠬᠦ ᠶᠢ 2011 ᠤᠨ ᠤ 6 ᠰᠠᠷ᠎ᠠ | ᠠᠴᠠ ᠡᠬᠢᠯᠡᠨ ᠬᠡᠷᠡᠭᠵᠢᠭᠦᠯᠦᠨ᠎ᠠ᠃ ᠠᠭᠤᠯᠭ᠎ᠠ ᠶᠢᠨ ᠲᠤᠪᠴᠢ ᠨᠢ ᠲᠤᠤᠷᠠᠬᠢ ᠮᠡᠳᠤ ᠄ | ᠵᠢᠯᠤᠭᠤᠳᠬᠤ ᠦᠵᠡᠯ ᠰᠠᠨᠠᠭ᠋᠎ᠠ | ︽ ᠬᠦᠮᠦᠨ ᠢᠶᠠᠷ ᠦᠨᠳᠣᠰᠦ ᠪᠤᠯᠭᠠᠬᠤ ᠂ ᠴᠢᠳᠠᠪᠤᠷᠢ ᠪᠠᠷ ᠭᠤᠤᠯ ᠪᠤᠯᠭᠠᠬᠤ᠂ ᠪᠤᠳᠠᠳᠤ | ᠬᠡᠷᠡᠭᠴᠡᠭᠡᠳᠡᠢ᠂ ᠬᠡᠯᠪᠡᠷᠢ ᠨᠢ ᠠᠮᠢᠳᠣᠯᠢᠭ︾ ᠵᠠᠷᠴᠢᠮ ᠢ ᠪᠠᠷᠢᠮᠳᠠᠯᠠᠨ᠂ ᠶᠡᠭᠡ ᠲᠡᠭᠡᠳᠤ ᠵᠡᠷᠭᠡ ᠶᠢᠨ | ᠰᠤᠷᠭᠠᠭᠤᠯᠢ ᠳᠤ ᠲᠠᠪᠰᠢᠵᠤ ᠲᠡᠶᠢᠯᠦᠭᠰᠡᠨ ᠦᠭᠡᠢ ᠲᠡᠭᠡᠳᠤ ᠲᠤᠮᠳᠠᠳᠤ ᠲᠡᠭᠦᠰᠦᠭᠰᠡᠨ ᠰᠤᠷᠤᠬᠴᠢ ᠳᠤ | ᠰᠤᠶᠢᠳᠬᠡᠯ ᠬᠤᠷᠢᠶᠠᠬᠤ ᠦᠭᠡᠢ ᠦᠨᠳᠤᠷ ᠵᠡᠷᠭᠡ ᠶᠢᠨ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ | ᠪᠤᠯᠪᠠᠰᠤᠷᠠᠯ ᠬᠦᠷᠳᠡᠭᠡᠨ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ᠂ ᠠᠵᠤ ᠦᠯᠡᠰ ᠤᠨ ᠬᠦᠭᠵᠢᠯᠳᠡ᠂ | ᠠᠵᠢᠯ ᠣᠯᠭᠤᠯᠳᠠ ᠶᠢ ᠬᠠᠷᠢᠯᠴᠠᠨ ᠵᠤᠯᠭᠠᠭᠤᠯᠤᠬᠰᠠᠨ᠂ ᠠᠵᠤ ᠠᠬᠤᠢ ᠨᠡᠶᠢᠭᠡᠮ ᠤᠨ ᠬᠦᠭᠵᠢᠯᠳᠡ | ᠶᠢᠨ ᠬᠡᠷᠡᠭᠴᠡᠭᠡ ᠳᠤ ᠵᠤᠬᠢᠴᠠᠬᠰᠠᠨ ᠴᠢᠳᠠᠪᠤᠷᠢᠳᠠᠨ ᠢ ᠪᠤᠯᠪᠠᠰᠤᠷᠠᠭᠤᠯᠬᠤ ᠰᠢᠰᠲ᠋ᠧᠮ ᠶᠢ ᠪᠠᠶᠢᠭᠤᠯᠵᠤ᠂ | ᠲᠡᠭᠡᠳᠤ ᠲᠤᠮᠳᠠᠳᠤ ᠲᠡᠭᠦᠰᠦᠭᠰᠡᠨ ᠰᠤᠷᠤᠬᠴᠢ ᠳᠤ ᠠᠵᠢᠯ ᠮᠡᠷᠭᠡᠵᠢᠯ ᠤᠨ ᠴᠢᠳᠠᠪᠤᠷᠢ ᠡᠵᠡᠮᠰᠢᠭᠦᠯᠦᠨ᠂ | ᠬᠤᠳᠠ ᠪᠠᠯᠭᠠᠰᠤᠨ ᠳᠤ ᠲᠤᠬᠳᠠᠪᠤᠷᠢᠳᠠᠢ ᠠᠵᠢᠯ ᠣᠶᠢᠯᠡᠰ ᠡᠷᠬᠢᠯᠡᠬᠦ ᠶᠢ ᠪᠡᠶᠡᠯᠡᠭᠦᠯᠦᠨ᠂ ᠪᠦᠬᠦ ᠠᠶᠢᠮᠠᠭ | ᠤᠨ ︽ ᠰᠢᠯᠵᠢᠭᠦᠯᠦᠯᠳᠡ ᠬᠤᠪᠢᠷᠠᠭᠤᠯᠤᠯᠳᠠ ᠬᠤᠤᠰ ᠠᠮᠵᠢᠯᠳᠠ ︾᠂ ︽ ᠬᠤᠳᠠ ᠪᠠᠯᠭᠠᠰᠤᠵᠢᠯᠳᠠ︾ | ᠶᠢᠨ ᠪᠠᠶᠢᠯᠳᠤᠬᠤ ᠪᠤᠳᠤᠯᠭ᠎ᠠ ᠶᠢᠨ ᠤᠷᠤᠬᠰᠢᠳᠠᠢ ᠶᠠᠪᠤᠬᠳᠠᠬᠤ ᠶᠢ ᠠᠬᠢᠭᠤᠯᠬᠤ ᠳᠤ ᠢᠳᠡᠪᠬᠢᠳᠡᠢ ᠬᠤᠪᠢ | ᠨᠡᠮᠡᠭᠦᠷᠢ ᠦᠵᠡᠭᠦᠯᠦᠨ᠎ᠡ᠃ | ᠪᠤᠯᠪᠠᠰᠤᠷᠠᠭᠤᠯᠬᠤ ᠠᠷᠭ᠎ᠠ ᠮᠠᠶ᠋ᠢᠭ | ᠰᠤᠷᠤᠬᠴᠢᠳ ᠰᠣᠶᠢᠳᠬᠡᠯ ᠬᠤᠷᠢᠶᠠᠬᠤ ᠦᠭᠡᠢ ᠬᠤᠶᠠᠷ ᠵᠢᠯ ᠤᠨ ᠪᠦᠬᠦᠯᠢ ᠡᠳᠤᠷ ᠤᠨ | ᠲᠦᠷᠢᠮᠳᠤ ᠪᠤᠯᠪᠠᠰᠤᠷᠠᠯ ᠬᠦᠷᠳᠡᠵᠤ᠂ ᠲᠤᠤᠷᠠᠬᠢ ᠨᠢᠭᠡ ᠲᠦᠷᠦᠯ ᠤᠨ ᠪᠤᠯᠪᠠᠰᠤᠷᠠᠭᠤᠯᠬᠤ ᠠᠷᠭ᠎ᠠ ᠮᠠᠶ᠋ᠢᠭ | ᠤᠨ ᠲᠤᠷ᠎ᠠ ᠶᠢᠨ ᠨᠢᠭᠡ ᠶᠢ ᠰᠤᠩᠭᠤᠵᠤ ᠪᠤᠯᠤᠨ᠎ᠠ ᠄ ᠨᠢᠭᠡ ᠳᠤ᠂ ᠪᠦᠬᠦ ᠣᠯᠣᠰ ᠤᠨ ᠨᠠᠰᠤᠨ ᠳᠤ | ᠬᠦᠷᠦᠭᠰᠡᠳ ᠤᠨ ᠣᠯᠣᠰ ᠤᠨ ᠰᠢᠯᠭᠠᠯᠳᠠ ᠳᠤ ᠣᠷᠣᠯᠴᠠᠵᠤ᠂ ᠮᠦᠨ ᠰᠢᠯᠢ ᠶᠢᠨ ᠭᠤᠤᠯ ᠠᠵᠢᠯ ᠮᠡᠷᠭᠡᠵᠢᠯ | ᠤᠨ ᠲᠡᠭᠡᠳᠤ ᠰᠤᠷᠭᠠᠭᠤᠯᠢ ᠳᠤ ᠰᠣᠷᠣᠯᠴᠠᠬᠤ ᠡᠷᠡᠮᠡᠯᠵᠡᠯ ᠲᠠᠬᠯᠠᠨ᠎ᠠ᠂ ᠡᠯᠰᠡᠭᠳᠡᠭᠰᠡᠨ ᠤ ᠲᠠᠷᠠᠭ᠎ᠠ ᠲᠤᠰᠬᠠᠢ | ᠮᠡᠷᠭᠡᠵᠢᠯ ᠤᠨ ᠰᠠᠭᠤᠷᠢ ᠬᠢᠴᠢᠶᠡᠯ ᠂ ᠠᠵᠢᠯ ᠲᠦᠷᠦᠯ ᠤᠨ ᠮᠡᠷᠭᠡᠵᠢᠯ ᠤᠨ ᠬᠢᠴᠢᠶᠡᠯ ᠢ ᠰᠣᠷᠣᠯᠴᠠᠨ | ᠪᠤᠯᠪᠠᠰᠤᠷᠠᠵᠤ᠂ ᠡᠨᠡ ᠲᠤᠮᠳᠠ ᠬᠠᠷᠠᠭᠠᠯᠵᠠᠬᠰᠠᠨ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ | ᠤᠯᠭᠤᠨ᠎ᠠ᠂ ᠮᠦᠨ ᠰᠢᠯᠭᠠᠯᠳᠠ ᠂ ᠬᠢᠨᠠᠨ ᠪᠠᠶᠢᠴᠠᠭᠠᠯᠳᠠ ᠪᠠᠷ ᠲᠠᠮᠵᠢᠨ ᠬᠢᠷᠢ ᠲᠡᠩᠴᠡᠭᠰᠡᠳ ᠲᠤ ᠰᠢᠯᠢ | ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠨᠠᠰᠤᠨ ᠳᠤ ᠬᠦᠷᠦᠭᠰᠡᠳ ᠤᠨ | ᠲᠤᠰᠬᠠᠢ ᠮᠡᠷᠭᠡᠵᠢᠯ ᠤᠨ ᠰᠣᠷᠤᠯᠭ᠎ᠠ ᠶᠢᠨ ᠨᠠᠮᠳᠠᠷ ᠤᠯᠭᠤᠨ᠎ᠠ ᠃ ᠬᠤᠶᠠᠷ ᠲᠤ᠂ ᠪᠦᠬᠦ ᠣᠯᠣᠰ ᠤᠨ | ᠨᠠᠰᠤᠨ ᠳᠤ ᠬᠦᠷᠦᠭᠰᠡᠳ ᠤᠨᠣᠯᠣᠰ ᠤᠨ ᠰᠢᠯᠭᠠᠯᠳᠠ ᠳᠤ ᠤᠷᠤᠯᠴᠠᠬᠤ ᠦᠭᠡᠢ ᠪᠤᠶᠤ ᠨᠠᠰᠤᠨ ᠳᠤ | ᠬᠦᠷᠦᠭᠰᠡᠳ ᠤᠨᠣᠯᠣᠰ ᠤᠨ ᠰᠢᠯᠭᠠᠯᠳᠠ ᠳᠤ ᠤᠷᠤᠯᠴᠠᠭᠠᠳ ᠬᠤᠪᠢᠨ ᠳᠤ ᠬᠦᠷᠦᠭᠰᠡᠨ ᠦᠭᠡᠢ | ᠰᠤᠷᠤᠬᠴᠢᠳ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠰᠣᠶᠢᠳᠬᠡᠯ | ᠬᠤᠷᠢᠶᠠᠬᠤ ᠦᠭᠡᠢ ᠬᠤᠶᠠᠷ ᠵᠢᠯ ᠤᠨ ᠪᠦᠬᠦᠯᠢ ᠡᠳᠤᠷ ᠤᠨ ᠲᠦᠷᠢᠮᠳᠤ ᠪᠤᠯᠪᠠᠰᠤᠷᠠᠯ ᠬᠦᠷᠳᠡᠵᠤ᠂ | ᠲᠤᠰᠬᠠᠢ ᠮᠡᠷᠭᠡᠵᠢᠯ ᠤᠨ ᠰᠠᠭᠤᠷᠢ ᠬᠢᠴᠢᠶᠡᠯ ᠂ ᠠᠵᠢᠯ ᠲᠦᠷᠦᠯ ᠤᠨ ᠮᠡᠷᠭᠡᠵᠢᠯ ᠤᠨ ᠬᠢᠴᠢᠶᠡᠯ ᠢ | ᠰᠣᠷᠣᠯᠴᠠᠨ ᠪᠤᠯᠪᠠᠰᠤᠷᠠᠵᠤ᠂ ᠡᠨᠡ ᠲᠤᠮᠳᠠ ᠬᠠᠷᠠᠭᠠᠯᠵᠠᠬᠰᠠᠨ ᠠᠵᠢᠯ ᠮᠡᠷᠭᠡᠵᠢᠯ ᠤᠨ ᠬᠢᠷᠢ ᠭᠡᠮ ᠤᠨ | ᠦᠨᠡᠮᠯᠡᠯ ᠤᠯᠭᠤᠨ᠎ᠠ᠂ ᠮᠦᠨ ᠰᠢᠯᠭᠠᠯᠳᠠ ᠂ ᠬᠢᠨᠠᠨ ᠪᠠᠶᠢᠴᠠᠭᠠᠯᠳᠠ ᠪᠠᠷ ᠲᠠᠮᠵᠢᠨ ᠬᠢᠷᠢ ᠲᠡᠩᠴᠡᠭᠰᠡᠳ ᠳᠤ | ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠤᠨ ᠲᠡᠭᠡᠳᠤ ᠵᠡᠷᠭᠡ ᠶᠢᠨ ᠠᠵᠢᠯ | ᠮᠡᠷᠭᠡᠵᠢᠯ ᠤᠨ ᠰᠣᠷᠭᠠᠨ ᠬᠦᠮᠦᠵᠢᠯ ᠲᠡᠭᠦᠰᠦᠭᠰᠡᠨ ᠦᠨᠡᠮᠯᠡᠯ ᠤᠯᠭᠤᠨ᠎ᠠ᠃ ᠰᠣᠷᠤᠬᠴᠢᠳ ᠤᠨ | ᠰᠤᠷᠤᠯᠴᠠᠯᠭ᠎ᠠ ᠪᠤᠯᠪᠠᠰᠤᠷᠠᠯ ᠲᠠᠭᠤᠰᠤᠬᠰᠠᠨ ᠤ ᠲᠠᠷᠠᠭ᠎ᠠ ᠂ ᠰᠢᠯᠢ ᠶᠢᠨ ᠭᠤᠤᠯ ᠠᠵᠢᠯ ᠮᠡᠷᠭᠡᠵᠢᠯ ᠤᠨ | ᠲᠡᠭᠡᠳᠤ ᠰᠤᠷᠭᠠᠭᠤᠯᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠢᠳᠡᠪᠬᠢᠳᠡᠢ ᠪᠠᠷ ᠠᠵᠢᠯ | ᠲᠠᠨᠢᠯᠴᠠᠭᠤᠯᠤᠨ᠎ᠠ᠂ ᠠᠵᠢᠯ ᠤᠯᠭᠤᠯᠳᠠ ᠶᠢᠨ ᠬᠢᠷᠢ ᠲᠦᠪᠰᠢᠨ ᠢ ᠪᠦᠬᠦᠯᠢ ᠡᠳᠣᠷ ᠤᠨ ᠲᠦᠷᠢᠮᠳᠤ | ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠦᠰᠦᠭᠰᠡᠨ ᠰᠤᠷᠤᠬᠴᠢᠳ ᠲᠠᠢ ᠠᠳᠠᠯᠢ ᠪᠠᠶᠢᠬᠤ ᠶᠢ | ᠪᠠᠳᠤᠯᠠᠨ᠎ᠠ᠃ | ᠨᠡᠷ᠎ᠡ ᠮᠡᠳᠡᠭᠦᠯᠬᠦ ᠬᠦᠷᠢᠶ᠎ᠡ ᠬᠡᠪᠴᠢᠶ᠎ᠡ ᠪᠠ ᠬᠢᠷᠢ ᠭᠡᠮ ᠢ ᠬᠢᠨᠠᠨ ᠬᠠᠷᠭᠤᠭᠤᠯᠬᠤ | ᠰᠢᠯᠢ ᠶᠢᠨ ᠭᠤᠤᠯ ᠠᠶᠢᠮᠠᠭ ᠤᠨ ᠡᠷᠦᠬᠡ ᠠᠮᠠ ᠲᠠᠢ ᠲᠤᠰ ᠬᠤᠭᠤᠴᠠᠭ᠎ᠠ ᠲᠡᠭᠡᠳᠤ ᠲᠤᠮᠳᠠᠳᠤ | ︵ᠠᠵᠢᠯ ᠮᠡᠷᠭᠡᠵᠢᠯ ᠤᠨ ᠲᠡᠭᠡᠳᠤ ᠲᠤᠮᠳᠠᠳᠤ ᠪᠠᠭᠳᠠᠨ᠎ᠠ ︶ ᠲᠡᠭᠦᠰᠦᠭᠰᠡᠨ ᠰᠣᠷᠣᠬᠴᠢᠳ ᠰᠠᠶᠢᠨ ᠲᠤᠷ᠎ᠠ | ᠠᠴᠠ ᠪᠠᠨ ᠨᠡᠷ᠎ᠡ ᠮᠡᠳᠡᠭᠦᠯᠵᠤ ᠰᠤᠶᠢᠳᠬᠡᠯ ᠬᠤᠷᠢᠶᠠᠬᠤ ᠦᠭᠡᠢ ᠪᠠᠷ ᠰᠢᠯᠢ ᠶᠢᠨ ᠭᠤᠤᠯ ᠠᠵᠢᠯ | ᠮᠡᠷᠭᠡᠵᠢᠯ ᠤᠨ ᠲᠡᠭᠡᠳᠤ ᠰᠤᠷᠭᠠᠭᠤᠯᠢ ᠳᠤ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠣᠷᠭᠠᠨ | ᠬᠦᠮᠦᠵᠢᠯ ᠤᠨ ᠪᠤᠯᠪᠠᠰᠤᠷᠠᠯ ᠬᠦᠷᠳᠡᠵᠤ ᠪᠤᠯᠤᠨ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ | ᠰᠤᠷᠭᠠᠭᠤᠯᠢ ᠠᠴᠠ ᠰᠤᠷᠤᠬᠴᠢ ᠡᠯᠰᠡᠬᠦ ᠠᠵᠢᠯ ᠪᠠ ᠨᠡᠷ᠎ᠡ ᠮᠡᠳᠡᠭᠦᠯᠬᠦ ᠬᠢᠷᠢ ᠭᠡᠮ ᠢ ᠬᠢᠨᠠᠨ | ᠬᠠᠷᠭᠤᠭᠤᠯᠬᠤ ᠶᠢ ᠬᠠᠷᠢᠭᠤᠴᠠᠨ᠎ᠠ ᠂ ᠡᠯ᠎ᠡ ᠬᠤᠰᠢᠭᠤ ᠰᠢᠶᠠᠨ ᠬᠤᠳᠠ ︵ ᠤᠷᠤᠨ︶ ᠶᠢᠨ ᠰᠤᠷᠭᠠᠨ | ᠬᠦᠮᠦᠵᠢᠯ ᠤᠨ ᠲᠤᠪᠴᠢᠶ᠎ᠠ ᠬᠠᠮᠵᠢᠯᠴᠠᠨ ᠡᠯᠰᠡᠬᠦ ᠠᠵᠢᠯ ᠲᠠᠭᠤᠰᠤᠬᠰᠠᠨ ᠤ ᠲᠠᠷᠠᠭ᠎ᠠ ᠠᠶᠢᠮᠠᠭ ᠤᠨ | ᠰᠤᠷᠭᠠᠨ ᠬᠦᠮᠦᠵᠢᠯ ᠤᠨ ᠲᠤᠪᠴᠢᠶ᠎ᠠ ᠳᠤ ᠲᠠᠩᠰᠡᠨ ᠳᠤ ᠲᠡᠮᠳᠡᠭᠯᠡᠭᠦᠯᠦᠨ᠎ᠡ ᠃ | ᠲᠤᠰᠬᠠᠢ ᠮᠡᠷᠭᠡᠵᠢᠯ ᠤᠨ ᠲᠤᠬᠢᠷᠠᠭᠤᠯᠤᠯᠳᠠ | ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠵᠢᠯ ᠪᠤᠯᠭᠠᠨ | ᠨᠡᠶᠢᠳᠡᠯᠡᠭᠰᠡᠨ ᠶᠡᠭᠡ ᠰᠤᠷᠭᠠᠭᠤᠯᠢ ᠳᠤ ᠡᠯᠰᠡᠭᠳᠡᠭᠰᠡᠨ ᠦᠭᠡᠢ ᠲᠡᠭᠡᠳᠤ ᠲᠤᠮᠳᠠᠳᠤ ︵ᠠᠵᠢᠯ ᠮᠡᠷᠭᠡᠵᠢᠯ ᠤᠨ | ᠲᠡᠭᠡᠳᠤ ᠲᠤᠮᠳᠠᠳᠤ ᠪᠠᠭᠳᠠᠨ᠎ᠠ ︶ ᠲᠡᠭᠦᠰᠦᠭᠰᠡᠨ ᠰᠤᠷᠤᠬᠴᠢ ᠶᠢ ᠪᠤᠯᠪᠠᠰᠣᠷᠠᠭᠤᠯᠬᠤ ᠲᠤᠰᠬᠠᠢ ᠮᠡᠷᠭᠡᠵᠢᠯ | ᠤᠨ ᠲᠤᠬᠢᠷᠠᠭᠤᠯᠤᠯᠳᠠ ᠶᠢ ᠦᠨᠳᠣᠰᠣᠯᠡᠨ ᠪᠤᠯᠪᠠᠰᠣᠷᠠᠭᠤᠯᠤᠨ᠎ᠠ ᠃ | ᠬᠠᠷᠠᠭᠠᠯᠵᠠᠬᠤ ᠲᠦᠷᠦ ᠶᠢᠨ ᠪᠤᠳᠤᠯᠭ᠎ᠠ | ᠰᠢᠯᠢ ᠶᠢᠨ ᠭᠤᠤᠯ ᠠᠶᠢᠮᠠᠭ ᠤᠨ ᠡᠷᠦᠬᠡ ᠠᠮᠠ ᠲᠠᠢ ᠲᠡᠭᠡᠳᠤ ᠲᠤᠮᠳᠠᠳᠤ ︵ᠠᠵᠢᠯ | ᠮᠡᠷᠭᠡᠵᠢᠯ ᠤᠨ ᠲᠡᠭᠡᠳᠤ ᠲᠤᠮᠳᠠᠳᠤ ᠪᠠᠭᠳᠠᠨ᠎ᠠ ︶ ᠲᠡᠭᠦᠰᠦᠭᠰᠡᠨ ᠰᠣᠷᠣᠬᠴᠢᠳ ᠰᠢᠯᠢ ᠶᠢᠨ ᠭᠤᠤᠯ ᠠᠵᠢᠯ | ᠮᠡᠷᠭᠡᠵᠢᠯ ᠤᠨ ᠲᠡᠭᠡᠳᠤ ᠰᠤᠷᠭᠠᠭᠤᠯᠢ ᠳᠤ ᠰᠤᠷᠤᠯᠴᠠᠯᠭ᠎ᠠ ᠪᠤᠯᠪᠠᠰᠤᠷᠠᠯ ᠬᠦᠷᠳᠡᠬᠦ ᠳᠤ ︽ᠭᠤᠷᠪᠠ ᠶᠢ | ᠬᠡᠯᠳᠦᠷᠢᠭᠦᠯᠵᠤ ᠨᠢᠭᠡ ᠶᠢ ᠨᠦᠬᠦᠪᠦᠷᠢᠯᠡᠬᠦ︾ ᠰᠤᠷᠤᠯᠭ᠎ᠠ ᠲᠡᠳᠬᠦᠬᠦ ᠲᠦᠷᠤ ᠶᠢᠨ ᠪᠤᠳᠤᠯᠭ᠎ᠠ ᠶᠢᠨ | ᠬᠠᠷᠠᠭᠠᠯᠵᠠᠯ ᠬᠦᠷᠳᠡᠭᠡᠨ᠎ᠡ᠂ ᠲᠠᠷᠤᠢ ᠰᠤᠷᠤᠯᠭ᠎ᠠ ᠶᠢᠨ ᠰᠤᠶᠢᠳᠬᠡᠯ ᠂ ᠨᠤᠮ ᠤᠨ ᠰᠤᠶᠢᠳᠬᠡᠯ᠂ ᠪᠠᠶᠢᠷᠢ | ᠶᠢᠨ ᠰᠤᠶᠢᠳᠬᠡᠯ ᠢ ᠭᠡᠯᠳᠦᠷᠢᠭᠦᠯᠦᠨ᠂ ᠰᠤᠷᠤᠬᠴᠢ ᠪᠦᠷᠢ ᠵᠢᠯ ᠪᠦᠷᠢ ᠠᠮᠢᠳᠤᠷᠠᠯ ᠤᠨ ᠰᠤᠶᠢᠳᠬᠡᠯ | 1500 ᠲᠦᠭᠦᠷᠢᠭ ᠨᠦᠬᠦᠪᠦᠷᠢᠯᠡᠨ᠎ᠡ᠃ ᠤᠯᠠᠨ ᠠᠷᠭ᠎ᠠ ᠵᠠᠮ ᠢᠶᠠᠷ ᠵᠠᠷᠤᠳᠠᠯ ᠬᠤᠷᠠᠮᠳᠤᠭᠤᠯᠵᠤ᠂ ᠡᠨᠡᠬᠦ | ᠠᠷᠠᠳ ᠲᠤ ᠠᠰᠢᠬᠳᠠᠢ ᠲᠦᠷᠦ ᠶᠢᠨ ᠪᠤᠳᠤᠯᠭ᠎ᠠ ᠶᠢᠨ ᠤᠷᠤᠬᠰᠢᠳᠠᠢ ᠶᠠᠪᠤᠬᠳᠠᠬᠤ ᠶᠢ ᠪᠠᠳᠤᠯᠠᠬᠤ | ᠬᠡᠷᠡᠭᠳᠡᠢ᠃ ᠨᠢᠭᠡ ᠳᠤ᠂ ᠲᠡᠭᠡᠷ᠎ᠡ ᠱᠠᠳᠤᠨ ᠤ ᠬᠠᠮᠢᠶ᠎ᠠ ᠪᠦᠬᠦᠢ ᠰᠤᠷᠤᠯᠭ᠎ᠠ ᠶᠢᠨ ᠲᠡᠳᠬᠦᠮᠵᠢ ᠶᠢᠨ | ᠮᠦᠩᠬᠦ ᠶᠢ ᠢᠳᠡᠪᠬᠢᠳᠡᠢ ᠲᠡᠮᠡᠴᠡᠨ ᠤᠯᠬᠤ ᠬᠡᠷᠡᠭᠳᠡᠢ ᠃ ᠬᠤᠶᠠᠷ ᠲᠤ ︽ ᠰᠢᠯᠢ ᠶᠢᠨ ᠭᠤᠤᠯ | ᠠᠶᠢᠮᠠᠭ ᠤᠨ ᠲᠡᠭᠡᠳᠤ ᠲᠤᠮᠳᠠᠳᠤ ᠶᠢᠨ ᠱᠠᠳᠣᠨ ᠤ ᠰᠤᠶᠢᠳᠬᠡᠯ ᠬᠤᠷᠢᠶᠠᠬᠤ ᠦᠭᠡᠢ ᠰᠤᠷᠭᠠᠨ | ᠬᠦᠮᠦᠵᠢᠯ ᠤᠨ ᠬᠡᠷᠡᠭᠵᠢᠬᠦᠯᠬᠦ ᠠᠷᠭ᠎ᠠ︾ ᠤᠨ ᠬᠠᠮᠢᠶ᠎ᠠ ᠪᠦᠬᠦᠢ ᠲᠤᠬᠳᠠᠭᠠᠯ ᠶᠤᠰᠤᠭᠠᠷ ᠠᠶᠢᠮᠠᠭ ᠂ | ᠬᠤᠰᠢᠭᠤ ᠬᠤᠶᠠᠷ ᠱᠠᠳᠤᠨ ᠤ ᠡᠳ᠋ ᠤᠨ ᠵᠠᠰᠠᠭ ᠠᠴᠠ ᠬᠠᠷᠢᠴᠠᠯ ᠶᠣᠰᠤᠭᠠᠷ ᠡᠭᠦᠷᠭᠡᠯᠡᠨ᠎ᠡ ᠃ ᠭᠤᠷᠪᠠ | ᠳᠤ ᠂ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠯᠳᠠ ᠂ ᠲᠠᠷᠢᠶᠠᠯᠠᠩ ᠮᠠᠯ | ᠠᠵᠤ ᠠᠬᠤᠢ᠂ ᠶᠠᠳᠠᠭᠤ ᠶᠢ ᠲᠡᠳᠬᠦᠬᠦ ᠵᠡᠷᠭᠡ ᠰᠠᠯᠠᠭ᠎ᠠ ᠮᠦᠴᠢᠷ ᠤᠨ ᠤᠬᠤᠷ ᠬᠤᠭᠤᠴᠠᠭᠠᠨ ᠤ | ᠪᠤᠯᠪᠠᠰᠤᠷᠠᠯ ᠤᠨ ᠵᠠᠷᠤᠳᠠᠯ ᠠᠴᠠ ᠵᠤᠬᠢᠬᠤ ᠬᠡᠮᠵᠢᠶᠡᠨ ᠤ ᠨᠦᠬᠦᠪᠦᠷᠢ ᠤᠯᠭᠤᠨ᠎ᠠ᠃ ᠲᠡᠭᠡᠳᠤ ᠲᠤᠮᠳᠠᠳᠤ | ᠲᠡᠭᠦᠰᠦᠭᠰᠡᠨ ᠰᠤᠷᠤᠬᠴᠢ ᠰᠤᠶᠢᠳᠬᠡᠯ ᠬᠤᠷᠢᠶᠠᠬᠤ ᠦᠭᠡᠢ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ | ᠰᠣᠷᠭᠠᠨ ᠬᠦᠮᠦᠵᠢᠯ ᠤᠨ ᠪᠤᠯᠪᠠᠰᠤᠷᠠᠯ ᠬᠦᠷᠳᠡᠬᠦ ᠵᠠᠷᠤᠳᠠᠯ ᠢ ᠠᠶᠢᠮᠠᠭ ᠂ ᠬᠤᠰᠢᠭᠤ ᠬᠤᠶᠠᠷ ᠱᠠᠳᠤᠨ ᠤ | ᠰᠤᠷᠤᠯᠭ᠎ᠠ ᠲᠡᠳᠬᠦᠬᠦ ᠬᠠᠮᠢᠶᠠᠷᠤᠯᠳᠠ ᠶᠢᠨ ᠲᠦᠪ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠢ | ᠬᠠᠮᠳᠤᠷᠠᠨ ᠲᠦᠰᠤᠪᠯᠡᠨ ᠪᠤᠳᠤᠵᠤ ᠨᠢᠭᠡᠳᠬᠡᠬᠦ ᠶᠢᠨ ᠬᠠᠮᠳᠤ ᠴᠠᠭ ᠲᠤᠬᠠᠢ ᠳᠤᠨᠢ ᠰᠢᠯᠢ ᠶᠢᠨ ᠭᠤᠤᠯ | ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠰᠠᠯᠭᠠᠵᠤ ᠦᠭᠬᠦ ᠬᠡᠷᠭᠳᠡᠢ᠃ |