ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠬᠡᠦᠬᠡᠳ ᠤᠨ ᠴᠡᠴᠡᠷᠯᠢᠭ ᠤᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/7/25
     ᠰᠢᠯᠢ ᠶᠢᠨ ᠬᠤᠳᠠ ᠵᠢᠨ‌ᠮᠤᠩᠭᠤᠯ ᠦᠨᠳᠦᠰᠦᠳᠡᠨ ᠤ ᠬᠡᠦᠬᠡᠳ ᠤᠨ ᠴᠡᠴᠡᠷᠯᠢᠭ  ᠎ ᠨᠢ 1984 ᠤᠨ ᠤ ᠨᠠᠮᠤᠷ ᠪᠠᠶᠢᠭᠤᠯᠤᠭᠳᠠᠭᠰᠡᠨ ᠦᠪᠦᠷ ᠮᠤᠩᠭᠤᠯ ᠤᠷᠤᠨ ᠤ  ᠵᠢᠱᠢᠶ᠎ᠡ ᠦᠵᠡᠬᠦᠯᠬᠦ ᠬᠡᠦᠬᠡᠳ ᠤᠨ ᠴᠡᠴᠡᠷᠯᠢᠭ ᠶᠤᠮ᠂ ᠤᠤᠯ  ᠎ ᠨᠢ ᠰᠢᠯᠢ ᠶᠢᠨ ᠭᠤᠤᠯ ᠠᠶᠢᠮᠠᠭ ᠤᠨ ᠮᠤᠩᠭᠤᠯ ᠦᠨᠳᠦᠰᠦᠳᠡᠨ ᠤ ᠬᠡᠦᠬᠡᠳ ᠤᠨ ᠴᠡᠴᠡᠷᠯᠢᠭ ᠪᠠᠶᠢᠭᠰᠡᠨ ᠎ ᠢᠶᠠᠨ 2006 ᠤᠨ ᠳᠤ ᠰᠢᠯᠢ ᠶᠢᠨ ᠬᠤᠳᠠ ᠳᠤ ᠬᠠᠷᠢᠶᠠᠯᠠᠭᠳᠡᠨ᠂ ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠬᠡᠦᠬᠡᠳ ᠤᠨ ᠴᠡᠴᠡᠷᠯᠢᠭ ᠭᠡᠵᠦ ᠨᠡᠷᠡᠶᠢᠳᠦᠭᠳᠡᠨ᠂ 2009 ᠤᠨ ᠳᠤ ᠰᠢᠨ᠎ᠡ ᠰᠠᠭᠤᠷᠢᠨ ᠳᠤ ᠨᠡᠭᠦᠨ ᠤᠴᠢᠵᠡᠢ᠃      2008 ᠤᠨ ᠳᠤ᠂ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ 2000 ᠭᠠᠷᠤᠢ ᠲᠦᠮᠡᠨ ᠲᠦᠭᠦᠷᠢᠭ ᠵᠠᠷᠤᠴᠠᠭᠤᠯᠵᠦ᠂ ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠬᠡᠦᠬᠡᠳ ᠤᠨ ᠴᠡᠴᠡᠷᠯᠢᠭ ᠢ ᠨᠡᠭᠦᠯᠭᠡᠨ ᠰᠢᠯᠵᠢᠭᠦᠯᠬᠦ ᠪᠦᠳᠦᠭᠡᠨ ᠪᠠᠶᠢᠭᠤᠯᠤᠯᠳᠡ ᠶᠢᠨ ᠠᠵᠢᠯ ᠢ ᠡᠬᠢᠯᠡᠭᠦᠯᠦᠨ᠂ 2009 ᠤᠨ ᠤ 8 ᠰᠠᠷ᠎ᠠ ᠳᠤ ᠪᠠᠷᠢᠯᠭ᠎ᠠ ᠶᠢᠨ ᠠᠵᠢᠯ ᠲᠠᠭᠤᠰᠴᠠᠢ᠃ ᠤᠳᠤ ᠲᠤᠰ ᠴᠡᠴᠡᠷᠯᠢᠭ 8059 ᠬᠠᠪᠲᠠᠭᠠᠢ ᠲᠦᠷᠪᠡᠯᠵᠢᠨ ᠮᠧᠲᠷ ᠤᠨ ᠲᠠᠯᠠᠪᠠᠢ  ᠎ ᠲᠠᠢ᠂ ᠡᠭᠦᠨ ᠳᠤ ᠪᠠᠷᠢᠯᠭ᠎ᠠ ᠶᠢᠨ ᠲᠠᠯᠠᠪᠠᠢ ᠨᠢ 5142 ᠬᠠᠪᠲᠠᠭᠠᠢ ᠲᠦᠷᠪᠡᠯᠵᠢᠨ ᠮᠧᠲᠷ ᠪᠠᠶᠢᠵᠦ᠂  ᠳᠤᠨᠤᠭ ᠲᠦᠬᠦᠭᠡᠷᠦᠮᠵᠢ ᠵᠢᠴᠢ ᠰᠤᠷᠭᠠᠭᠤᠯᠢ ᠶᠢᠨ ᠬᠦᠷᠢᠶᠡᠨ ᠤ ᠬᠦᠳᠡᠯᠭᠡᠭᠡᠨ ᠤ ᠲᠠᠯᠠᠪᠤᠷ᠂ ᠨᠤᠭᠤᠭᠠᠷᠠᠭᠤᠯᠤᠯᠳᠡ ᠎ ᠶᠢᠨ ᠲᠠᠯᠠᠪᠡᠢ ᠨᠢ ᠦᠪᠡᠷᠳᠡᠭᠡᠨ ᠵᠠᠰᠠᠬᠤ ᠤᠷᠤᠨ ᠤ  ᠵᠢᠱᠢᠶ᠎ᠡ ᠦᠵᠡᠬᠦᠯᠬᠦ ᠬᠡᠦᠬᠡᠳ ᠤᠨ ᠴᠡᠴᠡᠷᠯᠢᠭ ᠤᠨ ᠪᠠᠷᠢᠮᠵᠢᠶᠡᠨ ᠳᠤ ᠬᠦᠷᠴᠡᠢ᠃      ᠤᠲᠤ ᠴᠡᠴᠡᠷᠯᠢᠭ ᠲᠡᠭᠡᠨ16 ᠵᠢᠭᠠᠨ ᠰᠤᠷᠭᠠᠬᠤ ᠠᠩᠬᠢ  ︵ᠮᠤᠩᠭᠤᠯ ᠢᠶᠠᠷ ᠬᠢᠴᠢᠶᠡᠯᠯᠡᠬᠦ 13 ᠠᠩᠭᠢ  ᠂ ᠬᠢᠳᠡᠳ ᠢᠶᠠᠷ ᠬᠢᠴᠢᠶᠡᠯᠯᠡᠬᠦ 3 ᠠᠩᠭᠢ︶᠂ 665 ᠬᠡᠦᠬᠡᠳ ︵ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠬᠡᠦᠬᠡᠳ 521 ᠨᠡᠷ᠎ᠡ᠂ ᠬᠢᠳᠡᠳ ᠢᠶᠠᠷ ᠬᠢᠴᠢᠶᠡᠯᠯᠡᠵᠦ ᠪᠠᠶᠢᠭ᠎ᠠ ᠬᠡᠦᠬᠡᠳ 144 ᠨᠡᠷ᠎ᠡ︶ ᠪᠠᠶᠢᠨ᠎ᠠ᠃ ᠪᠠᠭᠰᠢ ᠠᠵᠢᠯᠲᠠᠨ 43 ᠨᠡᠷ᠎ᠡ᠂ ᠡᠬᠦᠨ ᠳᠤ ᠲᠤᠰᠬᠠᠢ ᠪᠠᠭᠰᠢ 32 ᠨᠡᠷ᠎ᠡ ᠪᠠᠶᠢᠵᠦ᠂ ᠰᠤᠷᠤᠯᠭ᠎ᠠ ᠶᠢᠨ ᠨᠠᠮᠳᠠᠷ ᠤᠨ ᠬᠢᠷᠢ ᠲᠡᠩᠴᠡᠭᠰᠡᠨ ᠨᠤᠷᠮ᠎ᠠ100%᠎ ᠳᠤ ᠬᠦᠷᠴᠡᠢ᠃ ᠲᠡᠭᠡᠲᠦ ᠵᠡᠷᠬᠡ ᠶᠢᠨ ᠮᠡᠷᠬᠡᠵᠢᠯ ᠤᠨ ᠴᠤᠯᠠ ᠲᠠᠢ 7 ᠪᠠᠭᠰᠢ᠂ ᠲᠤᠮᠲᠠ ᠵᠡᠷᠬᠡ ᠎ ᠤᠨ ᠮᠡᠷᠬᠡᠵᠢᠯ ᠤᠨ ᠴᠤᠯᠠ ᠲᠠᠢ 12 ᠪᠠᠭᠰᠢ᠂ ᠠᠩᠬ᠎ᠠ ᠵᠡᠷᠬᠡ ᠶᠢᠨ ᠮᠡᠷᠬᠡᠵᠢᠯ ᠤᠨ ᠴᠤᠯᠠ ᠲᠠᠢ 2 ᠪᠠᠭᠰᠢ᠂ ᠮᠡᠷᠬᠡᠵᠢᠯ ᠤᠨ ᠴᠤᠯᠠ ᠬᠦᠷᠳᠡᠭᠡ ᠦᠭᠡᠢ ᠠᠵᠢᠯᠲᠠᠨ 11 ᠬᠦᠮᠦᠨ ᠪᠠᠶᠢᠨ᠎ᠠ᠃ ᠤᠷᠤᠨ ᠤ ᠲᠡᠰ ᠤᠨ ᠨᠢᠷᠤᠭᠤᠪᠴᠢ ᠪᠠᠭᠰᠢ 2 ᠨᠡᠷ᠎ᠡ᠂ ᠠᠶᠢᠮᠠᠭ ᠤᠨ ᠲᠡᠰ ᠤᠨ ᠨᠢᠷᠤᠭᠤᠪᠴᠢ ᠪᠠᠭᠰᠢ 2 ᠨᠡᠷ᠎ᠡ᠂ ᠠᠶᠢᠮᠠᠭ ᠤᠨ ᠲᠡᠰ ᠤᠨ ᠵᠢᠭᠠᠨ ᠰᠤᠷᠭᠠᠬᠤ ᠤᠷ᠎ᠠ ᠴᠢᠳᠠᠪᠤᠷᠢᠳᠡᠨ 9 ᠨᠡᠷ᠎ᠡ ᠪᠤᠢ᠃      ᠤᠯᠠᠨ ᠵᠢᠯ ᠤᠨ ᠲᠤᠷᠰᠢ᠂ ᠮᠠᠨ ᠤ ᠬᠡᠦᠬᠡᠳ ᠤᠨ ᠴᠡᠴᠡᠷᠯᠢᠭ ᠨᠢ ︽ᠬᠡᠦᠬᠡᠳ ᠤᠨ ᠴᠡᠴᠡᠷᠯᠢᠭ ᠤᠨ ᠠᠵᠢᠯ ᠎ ᠤᠨ ᠲᠦᠷᠢᠮ︾ ᠪᠤᠯᠤᠨ ︽ᠬᠡᠦᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠤᠨ ᠵᠢᠯᠤᠭᠤᠳᠬᠤ ᠬᠦᠲᠦᠯᠪᠦᠷᠢ︾ ᠎ ᠶᠢᠨ ᠦᠨᠲᠦᠰᠦᠨ ᠱᠠᠭᠠᠷᠲᠠᠯᠭ᠎ᠠ ᠶᠢ ᠪᠦᠬᠦ ᠲᠠᠯ᠎ᠠ ᠶᠢᠨ ᠠᠵᠢᠯ ᠳᠠᠭᠠᠨ ᠢᠮᠠᠭᠲᠠ ᠲᠤᠤᠱᠯᠠᠭᠤᠯᠵᠦ᠂ ︽3—6 ᠨᠠᠰᠤᠨ ᠤ ᠬᠡᠦᠬᠡᠳ ᠤᠨ ᠰᠤᠷᠤᠯᠭ᠎ᠠ ᠪᠠ ᠬᠦᠭᠵᠢᠯᠲᠡ ᠶᠢᠨ ᠵᠦᠭᠯᠡᠬᠦᠷ︾᠎ ᠢᠶᠠᠷ ᠵᠢᠯᠤᠭᠤᠲᠤᠯᠭ᠎ᠠ ᠪᠤᠯᠭᠠᠵᠦ᠂ ︽ᠬᠡᠦᠬᠡᠳ ᠢ ᠬᠦᠮᠦᠵᠢᠬᠦᠯᠦᠨ ᠪᠤᠶᠢᠵᠢᠭᠤᠯᠬᠤ᠂ ᠬᠡᠷ ᠤᠨ ᠠᠬᠠᠮᠠᠳ ᠲᠤ ᠦᠢᠯᠡᠴᠢᠯᠡᠬᠦ᠂ ᠪᠠᠭᠰᠢ ᠨᠠᠷ ᠢ ᠠᠮᠵᠢᠯᠲᠠ ᠪᠦᠲᠦᠬᠡᠯ ᠭᠠᠷᠭᠠᠭᠤᠯᠬᠤ︾᠎ ᠪᠠᠷ ᠴᠡᠴᠡᠷᠯᠢᠭ ᠡᠷᠬᠢᠯᠡᠬᠦ ᠵᠤᠷᠢᠯᠲᠠ ᠪᠠᠨ ᠪᠤᠯᠭᠠᠭᠰᠠᠭᠠᠷ ᠢᠷᠡᠵᠡᠢ᠃ ︽ᠬᠡᠦᠬᠡᠳ ᠤᠨ ᠤᠢ ᠪᠢᠯᠢᠭ ᠢ ᠨᠡᠬᠡᠬᠡᠭᠲᠡᠬᠦᠯᠵᠦ᠂ ᠬᠡᠦᠬᠡᠳ ᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠬᠤ︾᠎ ᠪᠠᠷ ᠤᠨᠴᠠᠯᠢᠭ ᠪᠤᠯᠭᠠᠨ᠂ ᠬᠢᠴᠢᠶᠡᠯ ᠲᠦᠷᠦᠯ ᠤᠨ ᠰᠤᠲᠤᠯᠭᠠᠨ ᠪᠤᠯᠤᠨ ᠴᠡᠴᠡᠷᠯᠢᠭ ᠤᠨ ᠤᠨᠴᠠᠯᠢᠭᠳᠦ ᠵᠢᠭᠠᠨ ᠰᠤᠷᠭᠠᠯᠳᠡ ᠶᠢ ᠴᠡᠴᠡᠷᠯᠢᠭ ᠤᠨ ᠢᠶᠠᠨ ᠤᠨᠴᠠᠯᠢᠭ ᠪᠤᠯᠭᠠᠨ ᠠᠳᠬᠤᠭᠰᠠᠭᠠᠷ ᠢᠷᠡᠵᠡᠢ᠃ ᠮᠠᠨ ᠤ ᠴᠡᠴᠡᠷᠯᠢᠭ ᠤᠨ ᠡᠷᠬᠢᠯᠡᠵᠦ ᠶᠠᠪᠤᠭᠳᠠᠭᠤᠯᠤᠭᠰᠡᠨ ᠤᠯᠤᠰ ᠤᠨ ᠲᠡᠰ ᠤᠨ ᠰᠤᠳᠤᠯᠭᠠᠨ ᠤ ᠰᠡᠳᠦᠪ ︽ᠦᠯᠢᠭᠡᠷ ᠶᠠᠷᠢᠬᠤ ᠪᠠᠷ ᠲᠠᠮᠵᠢᠭᠤᠯᠵᠦ ᠬᠡᠦᠬᠡᠳ ᠤᠨ  ᠰᠡᠳᠬᠢᠭᠦᠢ ᠪᠤᠯᠤᠨ ᠬᠡᠯᠡᠨ ᠤ ᠮᠡᠳᠡᠷᠡᠮᠵᠢ ᠶᠢ ᠭᠦᠭᠵᠢᠭᠦᠯᠬᠦ︾  ᠳᠤᠷᠰᠢᠯᠳᠠ ᠪᠤᠯᠤᠠ ᠠᠶᠢᠮᠠᠭ ᠤᠨ ᠲᠡᠰ ᠤᠨ ᠰᠤᠳᠤᠯᠭᠠᠨ ᠤ ᠰᠡᠳᠦᠪ ︽ᠮᠤᠩᠭᠤᠯ ᠦᠭᠡ ᠬᠡᠯᠡᠨ ᠤ ᠬᠢᠴᠢᠶᠡᠯᠯᠡᠭᠡ ᠶᠢᠨ ᠦᠭᠡᠷᠡᠴᠢᠯᠡᠯᠳᠡ︾᠂ ︽ᠲᠠᠭᠤᠦ ᠭᠦᠭᠵᠢᠮ ᠤᠨ ᠬᠦᠭᠵᠢᠶᠡᠨᠳᠦ ᠵᠢᠭᠠᠨ ᠰᠤᠷᠭᠠᠯᠳᠡ︾ ᠵᠡᠷᠭᠡ ᠰᠤᠳᠤᠯᠭᠠᠨ ᠤ ᠰᠡᠳᠦᠪ ᠨᠢ ᠲᠡᠭᠦᠰ ᠠᠮᠵᠢᠯᠳᠠ ᠎ ᠲᠠᠢ ᠲᠡᠭᠦᠰᠴᠦ᠂ ᠰᠢᠯᠢᠳᠡᠭ ᠦᠷ᠎ᠡ ᠪᠦᠳᠦᠮᠵᠢ ᠶᠢᠨ ᠱᠠᠩᠨᠡᠯ ᠢ ᠬᠦᠷᠳᠡᠭᠰᠡᠨ ᠪᠠᠶᠢᠨ᠎ᠡ᠃ 2013 ᠤᠨ ᠠᠴᠠ ᠤᠯᠤᠰ ᠤᠨ ᠲᠡᠰ ᠤᠨ ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠦᠯᠦᠪᠯᠡᠭᠡᠨ ᠤ ᠰᠤᠳᠤᠯᠭᠠᠨ — ︽ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠳᠠᠭᠠᠨ ᠵᠤᠬᠢᠴᠠᠭᠤᠯᠤᠨ ᠲᠠᠮᠢᠷ ᠤᠨ ᠲᠤᠭᠯᠠᠭᠠᠮ ᠤᠨ ᠬᠦᠳᠡᠯᠪᠤᠷᠢ ᠶᠢ ᠦᠷᠨᠢᠭᠦᠯᠬᠦ ᠲᠤᠬᠠᠢ︾ ᠰᠤᠳᠤᠯᠭᠠᠨ ᠡᠬᠢᠯᠡᠵᠦ ᠶᠠᠪᠤᠭᠳᠠᠭᠤᠯᠤᠭᠰᠡᠨ ᠪᠠᠶᠢᠨ᠎ᠡ᠃ ᠮᠦᠨᠴᠦ ᠮᠠᠨ ᠤ ᠴᠡᠴᠡᠷᠯᠢᠭ ᠤᠨ ᠪᠠᠭᠰᠢ ᠶᠢᠨ ᠨᠠᠶᠢᠷᠠᠭᠤᠯᠵᠦ ᠡᠮᠬᠢᠳᠭᠡᠭᠰᠡᠨ ︽ᠮᠤᠩᠭᠤᠯ ᠦᠭᠡ ᠬᠡᠯᠡᠨ ᠤ ᠬᠢᠴᠢᠶᠡᠯᠯᠡᠭᠡ ᠶᠢᠨ ᠦᠭᠡᠷᠡᠴᠢᠯᠡᠯᠳᠡ︾᠂ ︽ᠤᠨᠠᠭᠠᠨ ᠪᠠᠭ᠎ᠠ ᠶᠢᠨ ᠤᠯᠠ ᠮᠦᠷ︾᠎ ᠨᠢ ᠦᠪᠦᠷ  ᠮᠤᠩᠭᠤᠯ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶᠡᠨ ᠤ ᠵᠢᠭᠠᠬᠤ ᠮᠠᠲ᠋ᠧᠷᠢᠶᠡᠯ ᠢ ᠬᠢᠨᠠᠨ ᠰᠢᠯᠭᠠᠬᠤ ᠵᠦᠪᠯᠡᠯ ᠤᠨ ᠬᠢᠨᠡᠨ ᠰᠢᠯᠭᠠᠯᠳᠡ ᠶᠢ ᠦᠩᠭᠡᠷᠡᠭᠡᠵᠦ᠂ ᠨᠢᠭᠡᠨᠳᠡ ᠬᠡᠪᠯᠡᠭᠦᠯᠦᠨ ᠲᠠᠷᠬᠠᠭᠠᠭᠰᠡᠨ ᠪᠠᠶᠢᠨ᠎ᠡ᠃ ᠡᠯᠪᠡᠭ ᠪᠠᠶᠠᠯᠢᠭ ᠠᠭᠤᠯᠭ᠎ᠠ ᠲᠠᠢ ᠲᠤᠭᠤᠷᠢᠭ ᠤᠨ ᠲᠤᠭᠯᠠᠭᠠᠮ ᠎ ᠤᠨ ᠬᠦᠳᠡᠯᠪᠤᠷᠢ ᠨᠢ ᠬᠡᠦᠬᠡᠳ ᠢ ︽ᠲᠤᠭᠯᠠᠭᠠᠮ ᠤᠨ ᠲᠤᠮᠳᠠ ᠬᠦᠭᠵᠢᠭᠦᠯᠬᠦ︾  ᠎ ᠶᠢ ᠠᠬᠢᠭᠤᠯᠤᠨ᠂ ᠴᠡᠴᠡᠷᠯᠢᠭ ᠤᠨ ᠪᠠᠰᠠ ᠨᠢᠭᠡᠨ ᠤᠨᠴᠠᠯᠢᠭᠳᠦ ᠵᠢᠭᠠᠨ ᠰᠤᠷᠭᠠᠯᠳᠡ ᠪᠤᠯᠤᠭᠰᠡᠨ ᠪᠠᠶᠢᠨ᠎ᠡ᠃ ᠭᠠᠷᠠᠭ ᠪᠦᠷᠢ ᠶᠢᠨ ᠨᠢᠭᠡᠨ ᠳᠤ ︽ᠮᠤᠩᠭᠤᠯ ᠢᠶᠠᠷ ᠢᠶᠠᠨ ᠭᠤᠶᠤᠯᠠᠬᠤ  ︾ ᠭᠤᠤᠯ ᠰᠡᠳᠦᠪᠳᠦ ᠬᠦᠳᠡᠯᠪᠤᠷᠢ ᠶᠢ  ᠶᠠᠪᠤᠭᠳᠠᠭᠤᠯᠵᠦ᠂ ᠦᠨᠳᠦᠰᠦᠳᠡᠨ ᠤ ᠤᠯᠠᠮᠵᠢᠯᠡᠯᠳᠦ ᠰᠤᠷᠭᠠᠨ ᠬᠦᠮᠦᠵᠢᠯ ᠢ ᠢᠳᠡᠪᠭᠢᠳᠡᠢ ᠦᠷᠨᠢᠭᠦᠯᠦᠭᠰᠡᠭᠡᠷ ᠢᠷᠡᠵᠡᠢ᠃      ᠴᠡᠴᠡᠷᠯᠢᠭ ᠨᠢ ᠰᠤᠷᠭᠠᠨ ᠬᠦᠮᠦᠵᠢᠯ ᠤᠨ ᠬᠠᠮᠵᠢᠯᠴᠠᠭᠠᠨ ᠤ ᠠᠵᠢᠯ ᠢ ᠬᠦᠨᠳᠦᠳᠭᠡᠨ ᠦᠵᠡᠵᠦ᠂ ᠨᠠᠢᠮᠠᠨ ᠮᠤᠵᠢ ᠤᠷᠤᠨ ᠯᠤᠭ᠎ᠠ ᠶᠢᠨ ᠴᠡᠴᠡᠷᠯᠢᠭ ᠤᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠭᠰᠡᠨ ᠢᠶᠠᠷ ᠦᠯᠦ ᠪᠠᠷᠠᠨ᠂ ᠨᠠᠮ ᠵᠠᠰᠠᠭ ᠤᠨ ᠤᠮᠠᠷᠠᠳᠤ ᠯᠤᠭ᠎ᠠ ᠶᠢᠨ ᠬᠠᠷᠢᠯᠴᠠᠭ᠎ᠠ ᠶᠠᠪᠤᠯᠴᠠᠭ᠎ᠠ ᠪᠠᠨ ᠤᠯᠠᠮ ᠨᠢᠭᠡ ᠠᠯᠬᠤᠮ ᠦᠷᠭᠡᠳᠭᠡᠬᠦ ᠤᠷᠢᠶᠠᠯᠭ᠎ᠠ ᠶᠢ ᠢᠳᠡᠪᠬᠢᠳᠡᠢ ᠲᠠᠭᠠᠵᠦ᠂2015 ᠤᠨ ᠳᠤ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠶᠢᠨ ᠪᠠᠶᠠᠨᠵᠢᠷᠦᠬᠡ ᠲᠡᠭᠦᠷᠭᠡ ᠶᠢᠨ115 ᠳ᠋ᠤᠭᠠᠷ ᠴᠡᠴᠡᠷᠯᠢᠭ ᠲᠠᠢ ᠰᠤᠷᠭᠠᠨ ᠬᠦᠮᠦᠵᠢᠯ ᠤᠨ ᠬᠠᠮᠳᠤᠷᠠᠨ ᠠᠵᠢᠯᠯᠠᠬᠤ ᠬᠡᠯᠡᠯᠴᠡᠭᠡᠷ ᠲᠤᠭᠳᠠᠨ᠂ ᠨᠦᠬᠦᠷᠰᠡᠭ ᠬᠠᠷᠢᠯᠴᠠᠭ᠎ᠠ ᠪᠠᠶᠢᠭᠤᠯᠵᠡᠢ᠃      ᠴᠡᠴᠡᠷᠯᠢᠭ ᠤᠨ ᠬᠡᠲᠦᠨ ᠦᠶ᠎ᠡ ᠶᠢᠨ ᠤᠲᠤᠷᠢᠳᠬᠤ ᠪᠠᠭ ᠪᠤᠯᠤᠨ ᠪᠦᠬᠦ ᠪᠠᠭᠰᠢ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠴᠡᠴᠡᠷᠯᠢᠭ ᠨᠢ ᠲᠠᠪᠠᠯᠲᠠ ᠶᠢᠨ ᠴᠢᠨᠠᠷᠲᠠᠢ ᠬᠦᠭᠵᠢᠯᠲᠡ ᠶᠢ ᠪᠠᠶᠠᠯᠡᠭᠦᠯᠦᠨ᠂ ᠴᠡᠴᠡᠷᠯᠢᠭ ᠡᠷᠬᠢᠯᠡᠬᠦ ᠨᠦᠬᠦᠴᠡᠯ᠂ ᠠᠰᠠᠷᠠᠨ ᠬᠦᠮᠦᠵᠢᠭᠦᠯᠬᠦ ᠴᠢᠨᠠᠷᠵᠢᠯ ᠪᠠᠨ ᠲᠡᠭᠡᠭᠰᠢᠯᠡᠭᠦᠯᠵᠦ᠂ ᠮᠤᠩᠭᠤᠯ ᠦᠭᠡ ᠬᠡᠯᠡᠨ ᠤ ᠬᠢᠴᠢᠶᠡᠯᠯᠡᠭᠡ ᠶᠢᠨ ᠵᠢᠭᠠᠬᠤ ᠮᠠᠲ᠋ᠧᠷᠢᠶᠡᠯ ᠢ ᠡᠮᠬᠢᠳᠭᠡᠨ ᠨᠠᠶᠢᠷᠠᠭᠤᠯᠬᠤ᠂ ᠬᠢᠴᠢᠶᠡᠯᠯᠡᠭᠡ ᠶᠢᠨ ᠦᠭᠡᠷᠡᠴᠢᠯᠡᠯᠳᠡ ᠵᠡᠷᠬᠡ ᠲᠠᠯ᠎ᠠ ᠪᠠᠷ ᠲᠤᠪᠤᠶᠢᠮ᠎ᠡ ᠠᠮᠵᠢᠯᠳᠡ ᠤᠯᠵᠦ᠂ ᠤᠷᠢᠳ ᠬᠤᠵᠢᠳ ︽ᠨᠠᠢᠮᠠᠨ ᠮᠤᠵᠢ ᠤᠷᠤᠨ ᠤ ᠮᠤᠩᠭᠤᠯ ᠬᠡᠯᠡᠨ ᠤ ᠰᠠᠭᠤᠷᠢ ᠰᠤᠷᠭᠠᠨ ᠬᠦᠮᠦᠵᠢᠯ ᠤᠨ ᠠᠵᠢᠯ ᠤᠨ ᠲᠡᠷᠢᠬᠦᠨ ᠤ ᠨᠢᠭᠡᠴᠡ︾᠂ ︽ᠪᠦᠬᠦ ᠤᠷᠤᠨ ᠤ ᠤᠲᠤ ᠦᠶ᠎ᠡ ᠶᠢᠨ ᠰᠤᠷᠭᠠᠨ ᠬᠦᠮᠦᠵᠢᠯ ᠤᠨ ᠮᠡᠷᠬᠡᠵᠢᠯ ᠤᠨ ᠰᠢᠯᠢᠳᠡᠭ ᠬᠡᠦᠬᠡᠳ ᠤᠨ ᠴᠡᠴᠡᠷᠯᠢᠭ︾᠂ ︽ᠠᠶᠢᠮᠠᠭ ᠤᠨ ᠳᠡᠰ ᠤᠨ ᠪᠤᠯᠪᠠᠰᠤᠨ ᠨᠢᠭᠡᠴᠡ ᠶᠢᠨ ᠮᠠᠩᠯᠠᠶᠢᠯᠠᠭᠴᠢ︾᠂ ︽ᠰᠢᠯᠢ ᠶᠢᠨ ᠭᠤᠤᠯ ᠠᠶᠢᠮᠭ ᠤᠨ ᠬᠢᠳᠠᠳ ᠦᠬᠡ ᠬᠡᠯᠡ ᠦᠰᠦᠭ ᠪᠢᠴᠢᠭ ᠤᠨ ᠲᠦᠷᠢᠮᠵᠢᠬᠦᠯᠦᠯᠲᠡ ᠶᠢᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ︾᠂ ᠤᠷᠤᠨ᠂ ᠠᠶᠢᠮᠠᠭ ᠤᠨ ᠲᠡᠰ ᠤᠨ ︽ᠬᠡᠦᠬᠡᠳ ᠤᠨ ᠰᠤᠷᠭᠠᠨ ᠬᠦᠮᠦᠵᠢᠯ ᠤᠨ ᠰᠤᠳᠤᠯᠭᠠᠨ ᠤ ᠰᠡᠳᠦᠪ ᠤᠨ ᠲᠤᠷᠰᠢᠯᠳᠡ ᠬᠢᠭᠰᠡᠨ ᠲᠡᠷᠢᠭᠦᠨ ᠎ ᠤ ᠨᠢᠭᠡᠴᠡ︾᠂ ᠪᠦᠬᠦ ᠠᠶᠢᠮᠠᠭ ᠤᠨ ︽ᠭᠤᠷᠪᠠ ᠶᠢ ᠬᠠᠶᠢᠷᠠᠯᠠᠬᠤ︾ ᠰᠤᠷᠭᠠᠨ ᠬᠦᠮᠦᠵᠢᠯ ᠤᠨ ᠲᠡᠷᠢᠭᠦᠨ ᠤ ᠬᠠᠮᠳᠦ ᠨᠢᠭᠡᠴᠡ ᠵᠡᠷᠬᠡ ᠪᠠᠷ ᠦᠨᠡᠯᠡᠭᠳᠡᠭᠰᠡᠨ ᠪᠠᠶᠢᠨ᠎ᠠ᠃
 
ᠢᠷᠡᠯᠲᠡ᠄ ᠬᠤᠲᠠ ᠶᠢᠨ ᠰᠤᠷᠭᠠᠨ ᠬᠦᠮᠤᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号