ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/7/25
     ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠪᠤᠯ ᠠᠭᠤᠤ ᠶᠡᠭᠡ ᠡᠬᠡ ᠤᠯᠤᠰ ᠎ ᠲᠠᠢ ᠪᠠᠨ ᠨᠠᠰᠤ ᠰᠠᠴᠠᠭᠤ᠂ ᠦᠨᠢ ᠤᠳᠠᠭᠠᠨ ᠵᠢᠯ ᠤᠨ ᠲᠡᠤᠬᠡ ᠲᠠᠢ ᠭᠠᠪᠢᠶᠠᠳᠤ ᠰᠤᠷᠭᠠᠭᠤᠯᠢ ᠶᠤᠮ᠃ ᠲᠤᠰ ᠰᠤᠷᠭᠠᠭᠤᠯᠢ ᠨᠢ ᠬᠠᠮᠤᠭ ᠠᠩᠬ᠎ᠠ ᠡᠷᠳᠡᠨᠢ ᠤᠪᠤᠭᠠᠨ ᠤ ᠡᠩᠬᠡᠷ  ᠎ ᠲᠠᠬᠢ᠂ ᠪᠠᠶᠢᠰᠠ ᠶᠢᠨ ᠰᠦᠮ᠎ᠡ ᠶᠢᠨ ᠡᠷᠢᠶᠡᠳᠤ ᠯᠠᠮᠠᠬᠠᠢ ᠶᠢᠨ ᠭᠤᠤᠯ ᠲᠤᠭᠠᠩ ᠳᠤ ᠠᠩᠬ᠎ᠠ ᠮᠡᠨᠳᠦᠯᠡᠭᠰᠡᠨ ᠠᠴᠠ ᠨᠠᠭᠠᠰᠢ ᠤᠷᠢᠳ ᠬᠤᠵᠢᠳ ᠤᠷᠤᠨ ᠠᠶᠢᠮᠠᠭ ᠤᠨ ᠤᠳᠤᠷᠢᠳᠤᠯᠭ᠎ᠠ ᠶᠢᠨ ᠪᠠᠶᠢᠷᠢ ᠳᠤ ᠬᠢᠯᠡᠷᠠᠭᠤᠯᠵᠤ ᠶᠠᠪᠤᠭᠰᠠᠨ ᠵᠠᠶᠠᠭᠠᠲᠠᠢ᠂ ᠰᠠᠶᠢᠨᠵᠠᠶᠠᠭ᠎ᠠ᠂ ᠬᠡᠷᠡᠯᠳᠤ᠂ ᠲᠤᠷᠵᠢᠫᠠᠯᠮ᠎ᠠ ᠵᠡᠷᠬᠡ  ᠲᠡᠤᠬᠡᠳᠤ ᠬᠦᠮᠦᠰ ᠤᠨ ᠵᠢᠯᠤᠭᠤᠳᠤᠯᠭ᠎ᠠ ᠵᠢᠴᠢ ᠦᠶ᠎ᠡ ᠦᠶ᠎ᠡ ᠶᠢᠨ ᠤᠳᠤᠷᠢᠳᠤᠯᠭ᠎ᠠ ᠨᠠᠷ   ᠠᠷᠢᠭᠤᠠ ᠬᠥᠳᠡᠯᠮᠤᠷᠢ᠂ ᠤᠢ ᠪᠢᠯᠢᠭ ᠲᠤ ᠪᠦᠪᠡᠶᠢᠯᠡᠡᠳᠡᠡ᠂ ︽ᠠᠯᠳᠠᠨ ᠲᠠᠬᠢᠶ᠎ᠠ ᠱᠠᠩᠨᠠᠯ︾᠎ ᠤᠨ ᠺᠢᠨᠤ᠋ ᠲᠤᠭᠯᠠᠭᠴᠢ ᠨᠠᠷᠠᠩᠬᠤᠸᠠᠷ᠂ ᠠᠯᠳᠠᠷᠳᠤ ᠵᠠᠯᠠᠭᠤ ᠲᠠᠭᠤᠴᠢᠨ ᠰᠡᠴᠡᠩᠬᠡᠷᠠᠯ ᠪᠠ ᠪᠤᠰᠤᠳ ᠡᠳᠦᠢ ᠲᠡᠳᠦᠢ ᠴᠢᠳᠠᠪᠦᠷᠢᠳᠠᠨ᠂ ᠵᠢᠳᠬᠦᠯᠳᠠᠳ ᠢ ᠬᠦᠮᠦᠵᠢᠬᠦᠯᠵᠤ  ᠭᠠᠷᠭᠠᠭᠰᠠᠠ ᠤᠮᠤᠭᠰᠢᠯᠳᠤ ᠲᠡᠤᠬᠡ ᠲᠠᠢ ᠪᠢᠯᠡ᠃ ᠠᠪᠤᠷᠭᠤ ᠲᠠᠭᠤᠴᠢᠨ ᠯᠾᠠᠵᠠᠪ ᠭᠤᠸᠠᠢ ᠴᠤ ᠳᠤᠰ ᠰᠤᠷᠭᠠᠭᠤᠯᠢ ᠳᠤ ᠪᠠᠭᠰᠢᠯᠡᠵᠤ  ᠦᠩᠭᠡᠷᠡᠭᠰᠡᠡ ᠳᠡᠤᠭᠡ ᠲᠠᠢ ᠪᠦᠭᠡᠳ ᠡᠨ᠋ᠨ ᠪᠦᠬᠦᠠ ᠨᠢ ᠵᠠᠯᠠᠭᠤ ᠦᠶ᠎ᠡ ᠶᠢᠨ ᠬᠢᠨ ᠳᠤ ᠪᠠᠨ ᠨᠢᠭᠡ ᠶᠤᠰᠤᠨ ᠤ ᠤᠮᠤᠭᠰᠢᠯ ᠵᠤᠷᠢᠭᠵᠢᠯ ᠪᠤᠯᠳᠠᠭ ᠪᠢᠯᠠ᠃      ᠤᠳᠤ ᠳᠤᠰ ᠰᠤᠷᠭᠠᠭᠤᠯᠢ ᠶᠢᠨ ᠶᠡᠷᠦᠩᠬᠡᠢ ᠲᠠᠯᠠᠪᠠᠢ ᠨᠢ 28651 ᠬᠠᠪᠳᠠᠭᠠᠢ ᠳᠦᠷᠪᠡᠯᠵᠢᠠ ᠮᠧᠲᠷ᠂ ᠪᠠᠷᠢᠯᠭ᠎ᠠ ᠶᠢᠨ ᠲᠠᠯᠠᠪᠠᠢ ᠨᠢ13197  ᠬᠠᠪᠳᠠᠭᠠᠢ ᠳᠦᠷᠪᠡᠯᠵᠢᠠ ᠮᠧᠲᠷ᠂ ᠨᠤᠭᠤᠷᠠᠭᠤᠯᠤᠯᠳᠠ‌‍ᠶᠢᠨ‌‍ᠲ᠋ᠠᠯᠠᠪᠠᠢ ᠎ ᠨᠢ7350  ᠬᠠᠪᠨᠳᠠᠭᠠᠢ ᠳᠦᠷᠪᠡᠯᠵᠢᠠ‌ᠮᠧᠲᠷ᠂ ᠬᠠᠳᠠᠭᠤᠷᠤᠯᠤᠯᠳᠠ ᠶᠢᠨ ᠲᠠᠯᠠᠪᠠᠢ ᠨᠢ7939 ᠬᠠᠪᠳᠠᠭᠠᠢ ᠳᠦᠷᠪᠡᠯᠵᠢᠠ ᠮᠧᠲᠷ  ᠪᠤᠢ᠃ 2008 ᠤᠨ ᠠᠴᠠ2014 ᠤᠨ ᠪᠤᠯᠳᠠᠯ᠎ᠠ ᠵᠠᠰᠠᠭ ᠤᠨ ᠤᠷᠳᠤᠨ ᠠᠴᠠ3206 ᠲᠦᠮᠡᠨ ᠲᠦᠬᠦᠷᠢᠭ ᠵᠠᠷᠤᠴᠠᠭᠤᠯᠵᠤ ᠤᠤᠯ ᠤᠨ ᠰᠤᠷᠭᠠᠭᠤᠯᠢ ᠶᠢᠨ ᠬᠦᠷᠢᠶᠡᠨ ᠳᠤ ᠰᠢᠨ᠎ᠡ ᠪᠠᠷ ᠵᠢᠭᠠᠨ ᠰᠤᠷᠭᠠᠬᠤ ᠠᠰᠠᠷ᠂ ᠶᠡᠷᠦᠩᠬᠡᠶᠢᠯᠡᠭᠰᠡᠨ ᠠᠰᠠᠷ᠂ ᠪᠠᠶᠢᠷᠢ ᠶᠢᠨ ᠠᠰᠠᠷ᠂ ᠲᠠᠮᠢᠷ ᠤᠨ ᠤᠷᠳᠤᠨ᠂ ᠲᠠᠮᠢᠷ ᠤᠨ ᠲᠠᠯᠠᠪᠠᠢ  ᠪᠠᠶᠢᠭᠤᠯᠵᠤ  ᠦᠭᠬᠦᠭᠰᠡᠡ ᠠᠴᠠ ᠪᠠᠭᠰᠢ ᠰᠤᠷᠤᠭᠴᠢᠳ ᠤᠨ ᠠᠵᠢᠯᠯᠠᠵᠤ ᠰᠤᠷᠤᠯᠴᠠᠬᠤ ᠨᠦᠬᠦᠴᠡᠯ ᠤᠷᠢᠳ ᠭᠠᠷᠤᠭ᠎ᠠ ᠦᠭᠡᠢ ᠰᠠᠶᠢᠵᠢᠷᠠᠪᠠ᠃ ᠰᠤᠷᠭᠠᠭᠤᠯᠢ ᠶᠢᠨ ᠵᠢᠭᠠᠨ ᠰᠤᠷᠭᠠᠬᠤ ᠲᠤᠨᠤᠭ ᠲᠦᠬᠦᠬᠡᠷᠦᠮᠵᠢ ᠨᠢ ᠴᠦᠮ ᠦᠪᠡᠷᠳᠡᠬᠡᠨ ᠵᠠᠰᠠᠬᠤ ᠤᠷᠤᠨ ᠤΙᠳᠡᠰ ᠤᠨ ᠪᠠᠷᠢᠮᠵᠢᠶᠠᠨ ᠳᠤ ᠬᠦᠷᠪᠡ᠃ ᠰᠤᠷᠭᠠᠭᠤᠯᠢ ᠨᠢ ᠤᠳᠤ 24 ᠵᠢᠭᠠᠨ ᠰᠤᠷᠭᠠᠯᠳᠠ ᠎ ᠶᠢᠨ ᠠᠩᠬᠢ᠂ 982 ᠨᠡᠷ᠎ᠡ ᠰᠤᠷᠤᠭᠴᠢ ᠲᠠᠢ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠠᠵᠢᠯᠳᠠᠨ 92 ᠨᠡᠷ᠎ᠡ ᠪᠠᠶᠢᠵᠤ᠂ ᠪᠦᠬᠦ ᠬᠢᠴᠢᠶᠠᠯ ᠢ ᠴᠦᠮ ᠴᠤᠯ ᠮᠤᠩᠭᠤᠯ ᠬᠡᠯᠡ ᠪᠠᠷ ᠬᠢᠴᠢᠶᠡᠯᠯᠡᠵᠤ᠂ ᠬᠡᠪ ᠴᠢᠨᠡᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠢᠴᠢᠶᠡᠯᠯᠡᠭᠡ ᠶᠢᠨ ᠦᠬᠡᠷᠡᠴᠢᠯᠡᠯᠳᠡ ᠶᠢ ᠡᠷᠴᠢᠮᠲᠠᠢ ᠶᠠᠪᠤᠭᠳᠠᠭᠤᠯᠵᠤ ᠪᠤᠢ᠃ ᠤᠳᠤ ᠲᠤᠰᠬᠠᠢ ᠬᠢᠴᠢᠶᠡᠯᠯᠡᠭᠴᠢ ᠪᠠᠭᠰᠢ 81 ᠨᠠᠷ᠎ᠠ ᠪᠠᠶᠢᠵᠤ᠂ ᠰᠤᠷᠤᠯᠭ᠎ᠠ ᠶᠢᠨ ᠨᠠᠮᠳᠠᠷ ᠎ ᠤᠨ ᠬᠢᠷᠢ ᠲᠡᠩᠴᠡᠯᠳᠠ ᠶᠢᠨ ᠤᠷᠮ᠎ᠠ100%᠎ ᠳᠤ ᠬᠦᠷᠴᠠᠢ᠃ ᠲᠤᠰᠬᠠᠢ ᠬᠢᠴᠢᠶᠡᠯᠯᠡᠭᠴᠢ ᠪᠠᠭᠰᠢ ᠶᠢᠨ ᠲᠤᠳᠤᠷ᠎ᠠ ᠤᠯᠤᠰ ᠤᠨ ᠲᠡᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠬᠦᠳᠡᠯᠮᠦᠷᠢ ᠶᠢᠨ ᠵᠢᠱᠢᠶᠡᠴᠢ ᠪᠤᠯᠤᠨ ᠰᠢᠯᠢᠳᠡᠭ ᠪᠠᠭᠰᠢ 3 ᠨᠠᠷ᠎ᠠ᠂ ᠤᠷᠤᠨ ᠤ ᠲᠡᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠬᠦᠳᠡᠯᠮᠦᠷᠢ ᠶᠢᠨ ᠵᠢᠱᠢᠶᠡᠴᠢ ᠪᠤᠯᠤᠨ ᠰᠢᠯᠢᠳᠡᠭ ᠪᠠᠭᠰᠢ 3᠂ ᠤᠷᠤᠨ ᠤ ᠲᠡᠰ ᠤᠨ ᠬᠢᠴᠢᠶᠡᠯ ᠲᠦᠷᠦᠯ ᠤᠨ ᠲᠠᠭᠠᠭᠤᠯᠤᠭᠴᠢ1 ᠨᠡᠷ᠎ᠡ᠂ ᠠᠶᠢᠮᠠᠭ ᠎ ᠤᠨ ᠲᠡᠰ ᠤᠨ ᠬᠢᠴᠢᠶᠡᠯ ᠲᠦᠷᠦᠯ ᠤᠨ ᠲᠠᠭᠠᠭᠤᠯᠤᠭᠴᠢ 4 ᠨᠠᠷ᠎ᠠ᠂ ᠤᠷᠤᠨ ᠤ ᠲᠡᠰ ᠤᠨ ᠵᠢᠭᠠᠨ ᠰᠤᠷᠭᠠᠬᠤ ᠴᠢᠳᠠᠪᠦᠷᠢᠳᠡᠨ 3 ᠨᠠᠷ᠎ᠠ᠂ ᠠᠶᠢᠮᠠᠭ ᠤᠨ ᠲᠡᠰ ᠤᠨ ᠵᠢᠭᠠᠨ ᠰᠤᠷᠭᠠᠬᠤ ᠴᠢᠳᠠᠪᠦᠷᠢᠳᠡᠨ 12 ᠨᠠᠷ᠎ᠠ᠂ ᠠᠶᠢᠮᠠᠭ ᠤᠨ ᠲᠡᠰ ᠤᠨ ᠬᠢᠴᠢᠶᠡᠯ ᠲᠦᠷᠦᠯ ᠤᠨ ᠭᠤᠤᠯᠯᠠᠭᠴᠢ ᠪᠠᠭᠰᠢ 17 ᠨᠠᠷ᠎ᠠ ᠪᠠᠶᠢᠵᠤ ᠪᠠᠭᠰᠢ ᠶᠢᠨ ᠡᠩᠨᠡᠬᠡᠨ ᠤ ᠭᠤᠤᠯᠯᠠᠬᠤ ᠬᠦᠴᠦᠨ ᠡᠳᠦᠷ ᠢᠷᠡᠬᠦᠶ᠎ᠡ ᠬᠦᠴᠦᠷᠬᠡᠭᠵᠢᠵᠤ ᠪᠠᠶᠢᠨ᠎ᠠ  ᠃      ᠲᠤᠰ ᠰᠤᠷᠭᠠᠭᠤᠯᠢ ᠨᠢ ᠤᠷᠢᠳ ᠬᠤᠵᠢᠳ ︽ᠦᠪᠡᠷᠳᠡᠬᠡᠨ ᠵᠠᠰᠠᠬᠤ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠠᠭᠤᠷᠢᠶᠠᠯ ᠰᠤᠷᠭᠠᠭᠤᠯᠢ  ︾᠂   ︽ᠦᠪᠡᠷᠳᠡᠬᠡᠨ ᠵᠠᠰᠠᠬᠤ ᠤᠷᠤᠨ ᠤ ᠤᠳᠤᠬᠢᠴᠢᠯᠠᠭᠰᠠᠨ ᠰᠤᠷᠭᠠᠨ ᠬᠦᠮᠦᠵᠢᠯ ᠤᠨ ᠮᠡᠷᠬᠡᠵᠢᠯ ᠤᠨ ᠲᠡᠷᠢᠬᠦᠨ ᠤ ᠰᠤᠷᠭᠠᠭᠤᠯᠢ︾᠂ ᠤᠷᠤᠨ ᠤ ᠲᠡᠰ ᠤᠨ ︽ᠦᠪᠡᠷᠳᠡᠬᠡᠨ ᠵᠠᠰᠠᠬᠤ ᠤᠷᠤᠨ ᠤ ᠤᠯᠠᠭᠠᠨ ᠪᠦᠴᠡᠳᠡᠨ ᠤ ᠲᠠᠭᠤᠷᠢᠶᠠᠯ ᠰᠤᠷᠭᠠᠭᠤᠯᠢ︾᠂ ᠤᠷᠤᠨ ᠤ ᠳᠡᠰ ᠤᠨ  ︽ᠵᠢᠭᠠᠨ ᠰᠤᠷᠭᠠᠬᠤ ᠦᠬᠡᠷᠡᠴᠢᠯᠡᠯᠳᠡ ᠶᠢᠨ ᠰᠢᠯᠢᠳᠡᠭ ᠰᠤᠷᠭᠠᠭᠤᠯᠢ︾᠂  ︽ᠠᠶᠢᠮᠠᠭ ᠤᠨ ᠲᠡᠰ ᠤᠨ ᠪᠠᠷᠢᠮᠵᠢᠶᠠᠳᠤ ᠦᠨᠳᠦᠰᠦᠳᠡᠨ ᠤ ᠰᠤᠷᠭᠠᠭᠤᠯᠢ︾᠂  ︽ᠠᠶᠢᠮᠠᠭ ᠤᠨ ᠲᠡᠰ ᠤᠨ ᠰᠤᠷᠭᠠᠭᠤᠯᠢ ᠶᠢᠨ ᠬᠠᠮᠢᠶᠠᠷᠤᠯᠳᠠ ᠶᠢᠨ ᠪᠠᠷᠢᠮᠵᠢᠶᠠᠳᠤ ᠰᠤᠷᠭᠠᠭᠤᠯᠢ︾᠂ ︽ ᠠᠶᠢᠮᠠᠭ ᠤᠨ ᠲᠡᠰ ᠤᠨ ᠪᠤᠯᠪᠠᠰᠤᠨ ᠨᠢᠬᠡᠴᠡ︾ ᠵᠡᠷᠬᠡ ᠢᠷᠠᠭᠤ ᠠᠯᠳᠠᠷ ᠢ ᠤᠯᠠᠨᠳᠠ ᠬᠦᠷᠳᠡᠵᠤ᠂ ᠡᠯ᠎ᠡ ᠱᠠᠳᠤᠨ ᠤ ᠨᠠᠮ ᠵᠠᠰᠠᠭ ᠪᠤᠯᠤᠨ ᠨᠠᠶᠢᠬᠡᠮ ᠤᠨ ᠡᠯ᠎ᠡ ᠡᠳᠡᠬᠡᠳ ᠤᠨ ᠦᠨᠳᠦᠷ ᠦᠨᠡᠯᠡᠯᠳᠡ ᠶᠢ ᠤᠯᠵᠤ ᠠᠯᠳᠠᠷ ᠭᠠᠪᠢᠶ᠎ᠠ ᠪᠠᠨ ᠲᠡᠤᠬᠡᠨ ᠬᠠᠭᠤᠳᠠᠰᠤᠨ᠎ᠠ ᠳᠡᠮᠳᠡᠭᠯᠡᠬᠦᠯᠦᠭᠰᠡᠷ ᠢᠷᠡᠪᠡ᠃      ᠲᠤᠰ ᠰᠤᠷᠭᠠᠭᠤᠯᠢ ᠤᠳᠤ  ︽ᠪᠠᠭᠰᠢ ᠶᠢᠨ ᠡᠩᠨᠡᠭᠡᠨ ᠤ ᠰᠢᠯᠢᠳᠡᠭᠵᠢᠯᠳᠠ ᠪᠠᠷ ᠰᠠᠭᠤᠷᠢ ᠪᠤᠯᠭᠠᠵᠤ᠂ ᠰᠤᠷᠤᠭᠴᠢ ᠶᠢᠨ ᠬᠦᠮᠤᠨ ᠪᠤᠯᠬᠤ ᠪᠠ ᠪᠡᠶ᠎ᠡ  ᠰᠡᠳᠬᠢᠴᠡ  ᠎ ᠶᠢᠨ ᠡᠷᠡᠬᠦᠯ ᠬᠦᠭᠵᠢᠯᠳᠠ  ᠵᠢᠴᠢ ᠠᠮᠤᠷ ᠲᠦᠪᠰᠢᠨ ᠎ ᠢᠶᠠᠷ ᠪᠠᠳᠤᠯᠭ᠎ᠠ ᠪᠤᠯᠭᠠᠨ᠂ ᠵᠢᠭᠠᠨ ᠰᠤᠷᠭᠠᠯᠳᠠ  ᠎ ᠪᠠᠷ  ᠭᠤᠤᠯᠳᠠᠯᠭ᠎ᠠ ᠪᠤᠯᠭᠠᠵᠤ᠂ ᠰᠢᠨ᠎ᠠ ᠡᠷᠡᠨ ᠤ ᠮᠤᠩᠭᠤᠯ  ᠰᠤᠶᠤᠯ ᠤᠨ ᠤᠨᠴᠠᠯᠢᠭᠳᠤ ᠰᠤᠷᠭᠠᠭᠤᠯᠢ ᠡᠷᠬᠢᠯᠡᠬᠦ ᠪᠠᠷ  ᠰᠢᠪᠳᠤᠯᠤᠯᠳᠠ ᠪᠤᠯᠭᠠᠨ᠎ᠠ  ︾ ᠬᠡᠬᠦ ᠰᠤᠷᠭᠠᠭᠤᠯᠢ ᠡᠷᠬᠢᠯᠡᠬᠦ  ᠶᠡᠷᠦᠩᠬᠡᠢ ᠰᠡᠳᠬᠢᠴᠡ ᠪᠠᠷ ᠪᠠᠶᠢᠩᠭᠤ ᠶᠢᠨ ᠵᠢᠭᠠᠨ ᠰᠤᠷᠭᠠᠯᠳᠠ ᠪᠠᠨ ᠲᠠᠰᠤᠷᠠᠯᠳᠠ ᠦᠬᠡᠢ ᠰᠢᠯᠢᠳᠡᠭᠵᠢᠬᠦᠯᠵᠤ᠂ ᠤᠯᠤᠰ᠂ ᠤᠷᠤᠨ᠂ ᠠᠶᠢᠮᠠᠭ ᠤᠨ ᠵᠢᠭᠠᠨ ᠰᠤᠷᠭᠠᠬᠤ ᠦᠬᠡᠷᠡᠴᠢᠯᠡᠯᠳᠡ ᠰᠤᠳᠤᠯᠭᠠᠨ ᠤ ᠠᠵᠢᠯ ᠳᠤ ᠢᠳᠡᠪᠬᠢᠯᠡᠨ ᠤᠷᠤᠯᠴᠠᠵᠤ  ᠪᠠᠶᠢᠨ᠎ᠠ᠂ ᠡᠬᠦᠠ ᠤ ᠬᠠᠮᠳᠤ ᠮᠤᠩᠭᠤᠯ ᠬᠡᠤᠬᠡᠳ ᠤᠨ ᠢᠶᠠᠨ ᠤᠨᠴᠠᠯᠢᠭ ᠠᠴᠠ ᠡᠬᠦᠰᠦᠨ᠂ ᠮᠤᠷᠢᠨ ᠬᠤᠭᠤᠷ᠂ ᠬᠤᠪᠢᠰ᠂ ᠶᠠᠳᠤᠭ᠎ᠠ᠂ ᠨᠠᠶᠢᠷᠠᠯ ᠲᠠᠭᠤᠤ᠂ ᠮᠤᠩᠭᠤᠯ ᠡᠮ ᠡᠮᠨᠡᠯᠬᠡ᠂ ᠰᠡᠳᠬᠢᠴᠡ᠂ ᠢᠰᠡᠬᠡᠢ ᠤᠶᠤᠳᠡᠯ᠂ ᠪᠦᠵᠢᠭ᠂ ᠤᠩᠰᠢᠯᠭ᠎ᠠ᠂ ᠵᠢᠷᠤᠭ ᠪᠢᠴᠢᠯᠬᠡ᠂ ᠪᠦᠬᠡ᠂ ᠮᠤᠩᠭᠤᠯ ᠰᠢᠳᠠᠷ᠎ᠠ᠂ ᠨᠤᠮᠤ ᠰᠤᠮᠤ ᠵᠡᠷᠭᠡ ᠮᠤᠩᠭᠤᠯ ᠳᠡᠤᠬᠡ ᠰᠤᠶᠤᠯ᠂ ᠵᠠᠩ ᠦᠢᠯᠡ ᠪᠤᠯᠤᠠ ᠪᠠᠶᠢᠭᠠᠯᠢ ᠶᠢᠨ ᠰᠢᠵᠢᠯᠡᠬᠦ ᠤᠬᠠᠭᠠᠨ ᠤ ᠲᠤᠷ᠎ᠠ ᠪᠠᠭ᠋ᠠᠳᠠᠠ ᠢ ᠬᠦᠮᠦᠵᠢᠬᠦᠯᠬᠦ 24 ᠲᠤᠭᠤᠶᠢᠯᠠᠩ ᠭᠠᠷᠭᠠᠠ ᠰᠤᠷᠭᠠᠭᠤᠯᠢ ᠶᠢᠨ ᠤᠨᠴᠠᠯᠢᠭᠳᠦ ᠬᠢᠴᠢᠶᠡᠯ ᠢ  ᠬᠥᠭᠵᠢᠶᠡᠡ ᠲᠠᠢ ᠨᠡᠬᠡᠬᠡᠨ ᠬᠢᠴᠢᠶᠡᠯᠯᠡᠭᠰᠡᠨ ᠎ ᠠᠴᠠ ᠰᠤᠷᠤᠭᠴᠢᠳ ᠤᠨ ᠪᠦᠬᠦ ᠲᠠᠯ᠎ᠠ ᠶᠢᠨ ᠠᠪᠢᠶᠠᠰ ᠴᠢᠳᠠᠪᠦᠷᠢ ᠶᠢ ᠬᠦᠮᠦᠵᠢᠬᠦᠯᠬᠦ ᠳᠤ ᠪᠡᠳᠤ ᠪᠠᠬᠢ ᠰᠠᠭᠤᠷᠢ ᠶᠢ ᠲᠠᠯᠪᠢᠵᠤ ᠴᠢᠳᠠᠭᠰᠠᠨ ᠪᠠᠶᠢᠨ᠎ᠠ᠃          
 
ᠢᠷᠡᠯᠲᠡ᠄ ᠬᠤᠳᠠ ᠶᠢᠨ ᠰᠤᠷᠭᠠᠨ ᠬᠦᠮᠤᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号