ᠰᠢᠯᠢ ᠶᠢᠨ ᠬᠤᠲᠠ ᠶᠢᠨ ᠥᠨᠳᠥᠰᠥᠲᠡᠨ ᠤ ᠪᠠᠭ᠎ᠠ ᠰᠤᠷᠭᠠᠭᠤᠯᠢ ᠶᠢᠨ ᠲᠤᠪᠴᠢ ᠲᠠᠨᠢᠯᠴᠠᠭᠤᠯᠭ᠎ᠠ — ᠵᠢᠷᠭᠤᠲᠤᠭᠠᠷ ᠪᠠᠭ᠎ᠠ ᠰᠤᠷᠭᠠᠭᠤᠯᠢ
ᠨᠡᠶᠢᠲᠡᠯᠡᠭᠰᠡᠨ ᠴᠠᠭ᠄
2016/7/25
        ᠰᠢᠯᠢ ᠶᠢᠨ ᠬᠤᠲᠠ ᠶᠢᠨ ᠥᠨᠳᠥᠰᠥᠲᠡᠨ ᠤ ᠪᠠᠭ᠎ᠠ ᠰᠤᠷᠭᠠᠭᠤᠯᠢ  ᠪᠤᠯ 1964 ᠤᠨ ᠤ 9 ᠰᠠᠷ᠎ᠠ ᠳᠤ ᠪᠠᠶᠢᠭᠤᠯᠤᠭᠳᠠᠭᠰᠠᠨ ᠰᠢᠯᠢ ᠶᠢᠨ ᠬᠤᠲᠠ ᠤᠷᠤᠨ ᠤ ᠴᠤᠷ ᠤᠨ ᠭᠠᠭᠴᠠ ᠮᠤᠩᠭᠤᠯ ᠬᠢᠲᠠᠳ ᠬᠤᠶᠠᠷ ᠬᠡᠯᠨ ᠪᠠᠷ ᠬᠢᠴᠢᠶᠡᠯᠡᠭᠦ ᠵᠢᠷᠭᠤᠭᠠᠨ ᠵᠢᠯ ᠤᠨ ᠲᠦᠷᠢᠮᠳᠤ ᠪᠦᠷᠢᠨ ᠪᠠᠭ᠎ᠠ ᠰᠤᠷᠭᠠᠭᠤᠯᠢ  ᠪᠤᠯᠤᠨ᠎ᠠ᠃         ᠲᠤᠰ ᠰᠤᠷᠭᠠᠭᠤᠯᠢ ᠨᠢ ᠰᠢᠯᠢ ᠶᠢᠨ ᠬᠤᠲᠠ ᠶᠢᠨ ᠴᠠᠭᠠᠨ ᠰᠤᠷᠪᠤᠭ᠎ᠠ ᠵᠡᠭᠡᠯᠢ ᠶᠢᠨ18 ᠨᠤᠮᠧᠷ  ᠲᠤ ᠪᠠᠶᠢᠷᠢᠯᠠᠵᠤ᠂ ᠶᠡᠷᠥᠩᠬᠡᠢ ᠲᠠᠯᠠᠪᠠᠢ 19766 ᠲᠡᠭᠰᠢ  ᠲᠥᠷᠪᠡᠯᠵᠢᠨ ᠮᠧᠲᠷ  ᠪᠠᠶᠢᠵᠤ᠂ ᠵᠢᠭᠠᠨ ᠰᠤᠷᠭᠠᠬᠤ ᠠᠰᠠᠷ  ᠬᠢᠭᠡᠳ ᠶᠡᠷᠦᠩᠬᠡᠶᠢᠯᠡᠭᠰᠡᠨ ᠠᠰᠠᠷ ᠵᠡᠷᠭᠡ ᠪᠠᠷᠢᠯᠭ᠎ᠠ  ᠶᠢᠨ ᠲᠠᠯᠠᠪᠠᠢ ᠨᠢ 8658  ᠲᠡᠭᠰᠢ ᠲᠥᠷᠪᠡᠯᠵᠢᠨ ᠮᠧᠲᠷ  ᠪᠠᠶᠢᠵᠦ᠂ ᠡᠨᠡ ᠵᠢᠯ 1900 ᠲᠥᠷᠪᠡᠯᠵᠢᠨ ᠮᠧᠲᠷ  ᠤᠨ ᠲᠠᠮᠢᠷ ᠤᠨ ᠤᠷᠲᠤᠨ  ᠎ ᠢ ᠪᠦᠲᠦᠬᠡᠨ ᠪᠠᠶᠢᠭᠤᠯᠵᠠᠢ  ᠃ ᠲᠤᠨᠤᠭ ᠲᠥᠭᠡᠭᠦᠷᠥᠮᠵᠢ ᠢᠵᠢ ᠪᠦᠷᠢᠨᠰᠢᠨ ᠤᠯᠤᠰ ᠤᠨ ᠠᠯᠪᠠᠨ ᠵᠢᠷᠤᠮ  ᠤᠨ ᠰᠤᠷᠭᠠᠨ  ᠬᠥᠮᠥᠵᠢᠯ ᠤᠨ ᠰᠤᠷᠭᠠᠭᠤᠯᠢ ᠡᠷᠬᠢᠯᠡᠬᠦ  ᠪᠠᠷᠢᠮᠵᠢᠶ᠎ᠠ ᠳᠤ ᠨᠡᠶᠢᠴᠡᠭᠰᠡᠨ ᠪᠠᠶᠢᠨ᠎ᠠ᠃ ᠤᠳᠤᠬᠠᠨ ᠳᠤ ᠲᠤᠰ ᠰᠤᠷᠭᠠᠭᠤᠯᠢ ᠳᠤ104 ᠪᠠᠭᠰᠢ ᠠᠵᠢᠯᠲᠠᠨ ᠲᠠᠢ᠂ ᠡᠭᠦᠨ ᠤ ᠲᠤᠲᠤᠷ᠎ᠠ ᠲᠤᠰᠬᠠᠢ ᠬᠢᠴᠢᠶᠡᠯᠯᠡᠬᠦ   ᠪᠠᠭᠰᠢ 93  ᠨᠡᠷ᠎ᠡ ᠪᠠᠶᠢᠵᠤ᠂ ᠰᠤᠷᠤᠯᠭ᠎ᠠ ᠶᠢᠨ ᠨᠠᠮᠲᠠᠷ ᠤᠨ ᠬᠢᠷᠢ ᠲᠡᠩᠴᠡᠯᠲᠡ ᠶᠢᠨ ᠨᠤᠷᠮ᠎ᠠ ᠨᠢ 100%  ᠎ ᠳᠤ ᠬᠦᠷᠴᠠᠢ᠃  ᠵᠢᠭᠠᠨ ᠰᠣᠷᠭᠠᠭᠠᠤ ᠠᠩᠭᠢ 31  ᠪᠤᠢ᠂  ᠡᠭᠦᠨ ᠳᠤ ᠮᠤᠩᠭᠤᠯ ᠢᠶᠠᠷ ᠬᠢᠴᠢᠶᠡᠯᠡᠬᠦ ᠠᠩᠭᠢ 7  ᠪᠠᠶᠢᠵᠤ᠂  ᠂ᠪᠦᠬᠦ ᠨᠡᠶᠢᠲᠠ1229 ᠨᠡᠷ᠎ᠡ ᠰᠤᠷᠤᠭᠴᠢ ᠲᠠᠢ  ᠃  2000 ᠤᠨ ᠠᠴᠠ ᠨᠠᠰᠢ᠂ ᠲᠤᠰ ᠰᠤᠷᠭᠠᠭᠤᠯᠢ ᠨᠢ ᠤᠷᠤᠨ ᠤ  ᠬᠢᠲᠠᠳ ᠬᠡᠯᠡ ᠤ  ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ  ᠰᠤᠷᠭᠠᠭᠤᠯᠢ  ᠂ ᠠᠶᠢᠮᠠᠭ ᠤᠨ ᠬᠡᠯᠡ ᠪᠢᠴᠢᠭ ᠤᠨ  ᠥᠭᠡᠷᠡᠴᠢᠯᠡᠯᠲᠡ ᠶᠢᠨ ᠲᠤᠷᠰᠢᠯᠲᠠ ᠵᠢᠨ‌‍ᠰᠤᠷᠭᠠᠭᠤᠯᠢ  ︔ ᠠᠶᠢᠮᠠᠭ ᠤᠨ ᠲᠤᠭᠠᠨ ᠎ ᠤ ᠤᠬᠠᠭᠠᠨ ᠤ  ᠤᠷᠤᠯᠳᠤᠯᠭᠠᠳᠤ  ᠵᠢᠭᠠᠨ  ᠰᠤᠷᠭᠠᠯᠳᠠ ᠶᠢᠨ ᠳᠤᠷᠰᠢᠯᠲᠠ ᠎ ᠶᠢᠨ ᠰᠤᠷᠭᠠᠭᠤᠯᠢ  ᠂ ᠠᠶᠢᠮᠠᠭ ᠤᠨ ᠥᠷᠭᠦᠯᠵᠢᠯᠡᠯ ᠰᠤᠷᠭᠠᠨ ᠬᠥᠮᠥᠵᠢᠯ ᠎ ᠤᠨ ᠳᠤᠷᠰᠢᠯᠲᠠ ᠶᠢᠨ    ᠰᠤᠷᠭᠠᠭᠤᠯᠢ᠂ ᠬᠤᠳᠠ ᠶᠢᠨ ᠬᠠᠷᠠᠯᠳᠠ ᠲᠠᠢ ᠬᠠᠮᠢᠶᠠᠷᠤᠯᠳᠠ‌‍ᠶᠢᠨ ᠲᠡᠷᠢᠬᠦᠨ ᠤ ᠨᠢᠭᠡᠴᠢ᠂ ᠬᠤᠳᠠ ᠶᠢᠨ ᠨᠠᠮ ᠤᠨ ᠪᠠᠶᠢᠭᠤᠯᠤᠯᠳᠠ ᠶᠢᠨ ᠬᠠᠷᠠᠯᠳᠠ ᠲᠠᠢ ᠬᠠᠮᠢᠶᠠᠷᠤᠯᠳᠠ ᠶᠢᠨ ᠲᠡᠷᠢᠬᠦᠨ ᠤ  ᠨᠠᠮ ᠤᠨ ᠡᠬᠦᠷ᠂ ᠠᠶᠢᠮᠠᠭ ᠤᠨ ᠠᠮᠥᠷ ᠲᠥᠪᠰᠢᠨ ᠤ ᠶᠡᠷᠥᠩᠬᠡᠯᠡᠭᠰᠡᠨ ᠬᠠᠮᠢᠶᠠᠷᠥᠯᠲᠠ ᠶᠢᠨ ︿︿ᠥᠨᠢ ᠠᠮᠤᠭᠤᠯᠠᠩ﹀﹀ ᠬᠤᠨᠳᠠᠭᠠᠲᠤ ᠨᠢᠭᠡᠴᠢ᠂ ᠠᠶᠢᠮᠠᠭ ᠤᠨ ᠪᠠᠷᠢᠮᠵᠢᠶᠠᠴᠢᠯᠠᠭᠰᠠᠨ ᠥᠨᠳᠥᠰᠥᠲᠡᠨ ᠤ ᠰᠤᠷᠭᠠᠭᠤᠯᠢ  ᠂ ᠠᠶᠢᠮᠠᠭ ᠤᠨ ᠪᠤᠯᠪᠠᠰᠤᠨ ᠨᠢᠭᠡᠴᠢ᠂ ᠤᠷᠤᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ  ᠵᠢᠱᠢᠶ᠎ᠡ ᠥᠵᠡᠭᠦᠯᠭᠦ   ᠰᠤᠷᠭᠠᠭᠤᠯᠢ  ᠂ ᠥᠨᠳᠥᠰᠥᠲᠡᠨ ᠤ ᠪᠥᠯᠬᠦᠮᠳᠡᠯ ᠤᠨ ᠲᠡᠷᠢᠭᠦᠨ ᠤ ᠬᠠᠮᠲᠤ  ᠂ ᠰᠤᠷᠭᠠᠭᠤᠯᠢ  ᠶᠢᠨ ᠬᠥᠷᠢᠶᠡᠨ ᠤ ᠰᠣᠶᠣᠯ ᠤᠨ ᠪᠥᠲᠤᠭᠡᠨ  ᠪᠠᠶᠢᠭᠤᠯᠲᠠ ᠶᠢᠨ ᠲᠡᠷᠢᠭᠦᠨ ᠤ ᠬᠠᠮᠲᠤ᠂ ᠤᠳᠤᠬᠢᠴᠢᠯᠠᠭᠰᠠᠨ ᠰᠣᠷᠭᠠᠨ ᠬᠥᠮᠥᠵᠢᠯ ᠤᠨ ᠮᠡᠷᠭᠡᠵᠢᠯ ᠤᠨ ᠲᠡᠷᠢᠭᠦᠨ ᠤ ᠰᠤᠷᠭᠠᠭᠤᠯᠢ  ᠵᠡᠷᠭᠡ ᠢᠷᠠᠭᠤ ᠠᠯᠲᠠᠷ ᠶᠢ  ᠬᠦᠷᠳᠡᠵᠤ 2008 ᠤᠨ ᠳᠤ ᠤᠯᠤᠰ ᠤᠨ ᠪᠠᠭᠰᠢ ᠶᠢᠨ ᠰᠤᠳᠤᠯᠭᠠᠨ ᠤ ᠰᠠᠭᠤᠷᠢ ᠮᠦᠩᠬᠦᠨ ᠤ《 ᠠᠷᠪᠠᠨ ᠨᠢᠭᠡᠳᠤᠭᠡᠷ ᠲᠠᠪᠤᠨ ᠵᠢᠯ》᠎ ᠤᠨ ᠲᠦᠯᠤᠪᠵᠢᠬᠦᠯᠭᠡ ᠶᠢᠨ ᠭᠤᠤᠯᠳᠠᠯᠭ᠎ᠠ ᠲᠠᠢ ᠰᠤᠳᠤᠯᠭᠠᠨ ᠤ ᠰᠡᠳᠤᠪ《 ᠪᠠᠷᠠᠭᠤᠨ ᠬᠡᠰᠡᠭ ᠤᠨ ᠦᠨᠳᠤᠰᠤᠳᠡᠨ ᠤ ᠤᠷᠤᠨ ᠤ ᠳᠤᠮᠳᠠᠳᠤ ᠪᠠᠭ᠎ᠠ ᠰᠤᠷᠭᠠᠭᠤᠯᠢ ᠭᠡᠤᠬᠡᠳ ᠤᠨ ᠴᠡᠴᠡᠷᠯᠢᠭ ᠤᠨ ᠦᠪᠡᠷᠮᠢᠴᠡ ᠪᠦᠳᠤᠭᠡᠯᠴᠢ ᠰᠤᠷᠭᠠᠨ ᠬᠦᠮᠤᠵᠢᠯ ᠤᠨ ᠡᠶ᠎ᠡ ᠵᠤᠬᠢᠴᠠᠯᠳᠤ ᠴᠤᠭᠴᠠ ᠶᠢᠨ ᠲᠤᠷᠰᠢᠯᠳᠠ ᠬᠢᠭᠡᠳ ᠰᠤᠳᠤᠯᠭᠠᠨ》᠎ ᠤ ᠲᠤᠷᠰᠢᠯᠳᠠ ᠶᠢᠨ   ᠰᠠᠭᠤᠷᠢᠨ ᠭᠠᠵᠠᠷ ᠢᠶᠠᠷ ᠲᠤᠭᠳᠠᠭᠠᠭᠳᠠᠨ ᠤᠯᠤᠰ ᠤᠨ ᠲᠡᠰ ᠤᠨ《 ᠰᠤᠷᠭᠠᠨ ᠬᠦᠮᠤᠵᠢᠯ ᠤᠨ ᠰᠤᠳᠤᠯᠭᠠᠨ ᠤ ᠲᠡᠷᠢᠬᠦᠨ ᠨᠢᠬᠡᠴᠡ 》᠎ ᠪᠠᠷ ᠦᠨᠡᠯᠡᠭᠳᠡᠪᠡ᠃        ︿ ᠰᠤᠷᠤᠭᠴᠢ ᠶᠢ ᠬᠦᠨᠳᠦᠳᠬᠡᠵᠦ  ᠂  ᠰᠤᠷᠤᠭᠴᠢ ᠶᠢ  ᠬᠠᠶᠢᠷᠠᠯᠠᠵᠦ᠂ ᠨᠢᠬᠡ ᠰᠤᠷᠤᠭᠴᠢ ᠶᠢ   ᠴᠤ  ᠤᠷᠬᠢᠭᠳᠠᠭᠤᠯᠬᠤ ᠦᠬᠡᠢ﹀  ᠬᠡᠰᠡᠨ ᠰᠤᠷᠭᠠᠭᠤᠯᠢ ᠡᠷᠬᠢᠯᠡᠬᠦ ᠦᠵᠡᠯ ᠰᠠᠨᠠᠭ᠎ᠠ ᠵᠢᠴᠢ ︿ ᠰᠤᠲᠤᠨ ᠰᠤᠷᠭᠠᠭᠤᠯᠢ ᠶᠢ ᠴᠤᠭᠴᠠᠯᠠᠵᠦ᠂ ᠠᠷᠠᠳ ᠲᠤ ᠬᠠᠨᠤᠮᠵᠢᠲᠠᠢ ᠰᠤᠷᠭᠠᠨ  ᠬᠦᠮᠦᠵᠢᠯ ᠶᠢ ᠡᠷᠬᠢᠯᠡᠬᠦ﹀  ᠬᠠᠷᠠᠯᠲᠠ ᠪᠠᠷ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢ  ᠬᠦᠨᠵᠡᠬᠡᠶᠢᠷᠡᠬᠦᠯᠵᠤ ᠥᠪᠡᠷᠮᠢᠴᠡ ᠤᠨᠴᠠᠯᠢᠭ  ᠪᠥᠭᠦᠢ ᠵᠢᠭᠠᠨ ᠰᠤᠷᠭᠠᠯᠲᠠ ᠶᠢᠨ ᠬᠡᠪ ᠵᠠᠭᠪᠥᠷ ᠶᠢ ᠪᠥᠷᠢᠯᠲᠥᠭᠦᠯᠥᠨ᠂ ᠬᠡᠪ ᠴᠢᠨᠠᠷ ᠤᠨ ᠰᠤᠷᠭᠠᠨ‌‍ᠬᠥ᠋ᠮᠥᠵᠢᠯ ᠶᠢ ᠪᠥᠬᠦ ᠲᠠᠯ᠎ᠠ ᠪᠠᠷ ᠠᠬᠢᠭᠤᠯᠬᠤ ᠶᠢᠨ ᠬᠠᠮᠳᠤ ᠥᠨᠳᠥᠰᠥᠲᠡᠨ ᠤ  ᠤᠯᠠᠮᠵᠢᠯᠠᠯᠲᠤ ᠰᠤᠶᠤᠯ ᠶᠢ ᠤᠯᠠᠮᠵᠢᠯᠠᠨ ᠬᠥᠭᠵᠢᠭᠦᠯᠬᠦ  ᠡᠬᠦᠳᠡᠨ ᠠᠴᠠ  ᠤᠷᠢᠳ ᠬᠤᠵᠢᠳ ᠮᠤᠷᠢᠨ ᠬᠤᠭᠤᠷ ᠎ ᠤᠨ ᠠᠩᠭᠢ᠂ ᠥᠨᠲᠥᠰᠤᠲᠡᠨ ᠤ ᠲᠠᠭᠤᠥ ᠪᠥᠵᠢᠭ ᠶᠢᠨ ᠠᠩᠭᠢ᠂ ᠰᠢᠲᠠᠷ᠎ᠠ ᠶᠢᠨ ᠠᠩᠭᠢ᠂ ᠪᠥᠬᠡ ᠶᠢᠨ ᠠᠩᠭᠢ ᠵᠡᠷᠭᠡ ᠲᠤᠷ᠎ᠠ ᠰᠤᠨᠢᠷᠬᠠᠯᠲᠤ ᠲᠤᠭᠤᠶᠢᠯᠠᠩ ᠶᠢ ᠡᠷᠬᠢᠯᠡᠨ᠂ᠤᠯᠤᠰ᠂ ᠣᠷᠣᠨ᠂ ᠠᠶᠢᠮᠠᠭ ᠤᠨ ᠤᠷᠤᠯᠲᠤᠭᠠᠨ ᠮᠦᠷᠤᠶᠢᠴᠡᠭᠡᠨ ᠳᠤ ᠰᠢᠯᠢᠲᠡᠭ ᠠᠮᠵᠢᠯᠲᠠ  ᠤᠯᠵᠤ ᠨᠡᠶᠢᠭᠡᠮ ᠨᠡᠶᠢᠲᠡ ᠶᠢᠨ ᠰᠠᠶᠢᠨ ᠥᠨᠡᠯᠡᠨᠲᠡ ᠶᠢ ᠬᠦᠷᠲᠡᠨ ᠦᠷᠨᠢᠯ ᠬᠦᠭᠵᠢᠯ ᠤᠨ ᠳᠠᠯᠠᠯᠭ᠎ᠠ ᠪᠤᠯᠤᠭᠰᠠᠨ ᠪᠠᠶᠢᠨ᠎ᠠ᠃
 
ᠢᠷᠡᠯᠲᠡ᠄ ᠬᠤᠳᠠ ᠶᠢᠨ ᠰᠤᠷᠭᠠᠨ ᠬᠦᠮᠤᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号