ᠨᠢᠭᠡᠳᠥᠬᠡᠷ ᠪᠥᠯᠥᠭ ᠶᠡᠷᠥᠩᠬᠡᠢ ᠳᠥᠷᠢᠮ | ᠨᠢᠭᠡᠳᠥᠬᠡᠷ ᠵᠤᠷᠪᠤᠰ ᠮᠠᠨ ᠤ ᠠᠶᠢᠮᠠᠭ ᠤᠨ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ | ᠱᠠᠳᠤᠨ ᠤ ᠰᠤᠷᠭᠠᠨ ᠬᠥᠮᠥᠵᠢᠯ ᠤᠨ ᠰᠤᠷᠤᠯᠭ᠎ᠠ ᠶᠢᠨ ᠳᠡᠳᠬᠦᠮᠵᠢ ᠶᠢᠨ ᠳᠥᠷᠥ ᠶᠢᠨ ᠪᠤᠳᠤᠯᠭ᠎ᠠ ᠶᠢᠨ | ᠰᠢᠰᠲ᠋ᠧᠮᠵᠢ ᠶᠢ ᠤᠯᠠᠮ ᠳᠡᠭᠦᠯᠳᠡᠷᠵᠢᠭᠦᠯᠵᠤ ᠂ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠱᠠᠳᠤᠨ | ᠤ ᠰᠤᠷᠭᠠᠨ ᠬᠥᠮᠥᠵᠢᠯ ᠤᠨ ᠳᠥᠬᠡᠮᠡᠯᠵᠢᠭᠦᠯᠤᠯᠳᠠ ᠶᠢ ᠳᠥᠷᠬᠡᠳᠬᠡᠬᠦ ᠶᠢᠨ ᠳᠤᠰᠠᠳᠠ ᠂ ᠳᠤᠰ ᠠᠷᠭ᠎ᠠ ᠶᠢ | ᠳᠤᠭᠳᠠᠭᠠᠪᠠ ᠃ | ᠬᠤᠶᠠᠳᠤᠭᠠᠷ ᠪᠥᠯᠥᠭ ᠳᠡᠳᠬᠦᠬᠦ ᠨᠢᠭᠤᠷᠯᠠᠯ ᠂ ᠠᠭᠤᠯᠭ᠎ᠠ ᠬᠢᠬᠡᠳ ᠪᠠᠷᠢᠮᠵᠢᠶ᠎ᠠ | ᠬᠤᠶᠠᠳᠤᠭᠠᠷ ᠵᠤᠷᠪᠤᠰ ᠰᠥᠢᠳᠬᠡᠯ ᠬᠡᠯᠳᠥᠷᠢᠭᠦᠯᠬᠦ ᠳᠥᠷᠥ ᠶᠢᠨ ᠪᠤᠳᠤᠯᠭ᠎ᠠ ᠶᠢ ᠬᠥᠷᠳᠡᠬᠦ ᠰᠤᠷᠤᠭᠴᠢ | ᠪᠤᠯ ᠂ ᠡᠷᠬᠡᠪᠰᠢ ᠠᠶᠢᠮᠠᠭ ᠤᠨ ᠳᠤᠳᠤᠷᠡᠬᠢ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠥᠵᠢᠯ ᠬᠥᠷᠳᠡᠵᠤ ᠪᠠᠶᠢᠭ᠎ᠠ ᠮᠥᠷᠳᠡᠬᠡᠨ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶᠠᠯᠠᠯ ᠲᠠᠢ | ᠪᠥᠬᠦᠯᠢ ᠡᠳᠤᠷ ᠤᠨ ᠳᠥᠷᠢᠮᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠥᠬᠦ ᠰᠤᠷᠤᠭᠴᠢ ᠪᠤᠯᠤᠨ᠎ᠠ ᠂ ᠡᠭᠦᠨ | ᠤ ᠳᠤᠳᠤᠷ᠎ᠠ ᠄ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠰᠤᠷᠤᠭᠴᠢ ᠪᠤᠯᠤᠨ ᠳᠤᠮᠳᠠ ᠵᠡᠷᠬᠡ ᠶᠢᠨ ᠠᠵᠢᠯ | ᠮᠡᠷᠬᠡᠵᠢᠯ ᠤᠨ ᠰᠤᠷᠭᠠᠭᠤᠯᠢ ᠶᠢᠨ ᠰᠤᠷᠤᠭᠴᠢ ᠨᠢ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ | ᠡᠷᠥᠬᠡ ᠠᠮᠠ ᠶᠢᠨ ᠳᠠᠩᠰᠠ ᠲᠠᠢ᠂ ᠬᠢᠳᠠᠳ ᠢᠶᠠᠷ ᠬᠢᠴᠢᠶᠡᠯᠯᠡᠵᠤ ᠪᠠᠶᠢᠭ᠎ᠠ ᠡᠩ ᠤᠨ ᠦᠨᠳᠦᠷ ᠵᠡᠷᠬᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢ ᠨᠢ ᠰᠢᠯᠢ ᠶᠢᠨ ᠭᠤᠤᠯ ᠠᠶᠢᠮᠠᠭ ᠤᠨ ᠡᠷᠥᠬᠡ ᠠᠮᠠ ᠶᠢᠨ ᠳᠠᠩᠰᠠ ᠲᠠᠢ | ᠪᠠᠶᠢᠬᠤ ᠬᠡᠷᠡᠭᠳᠡᠢ ᠃ | ᠭᠤᠷᠪᠠᠳᠤᠭᠠᠷ ᠵᠤᠷᠪᠤᠰ ᠨᠥᠬᠦᠴᠡᠯ ᠲᠤ ᠳᠤᠬᠢᠷᠠᠭᠰᠠᠨ ᠡᠩ ᠤᠨ ᠦᠨᠳᠦᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢᠨ ᠰᠥᠢᠳᠬᠡᠯ ᠢ ᠬᠡᠯᠳᠥᠷᠢᠬᠦᠯᠵᠤ ᠂ ᠬᠢᠴᠢᠶᠡᠯ ᠤᠨ ᠳᠠᠪᠳᠠᠷ ᠢ | ᠰᠥᠢᠳᠬᠡᠯ ᠬᠤᠷᠢᠶᠠᠬᠤ ᠥᠭᠡᠢ ᠪᠠᠷ ᠬᠠᠩᠭᠠᠵᠤ ᠂ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠶᠢᠨ ᠪᠠᠶᠢᠷᠢ ᠶᠢᠨ | ᠰᠥᠢᠳᠬᠡᠯ ᠢ ᠬᠡᠯᠳᠥᠷᠢᠭᠦᠯᠵᠤ ᠂ ᠭᠡᠷ ᠪᠥᠯᠢ ᠶᠢᠨ ᠠᠵᠤ ᠠᠬᠤᠢ ᠨᠢ ᠤᠨᠴᠠ ᠬᠥᠴᠢᠷᠳᠡᠯᠳᠡᠢ ᠰᠤᠷᠤᠭᠴᠢ | ᠪᠤᠯᠭᠠᠨ ᠳᠤ ᠵᠢᠯ ᠪᠥᠷᠢ 1 5 0 0 ᠳᠥᠭᠦᠷᠢᠭ ᠤᠨ ᠠᠮᠢᠳᠤᠷᠠᠯ ᠤᠨ ᠰᠥᠢᠳᠬᠡᠯ ᠨᠥᠬᠦᠪᠤᠷᠢᠯᠠᠨ᠎ᠠ ( ᠤᠯᠤᠰ | ᠤᠨ ᠰᠤᠷᠤᠯᠭ᠎ᠠ ᠶᠢᠨ ᠳᠡᠳᠬᠦᠮᠵᠢ ᠶᠢᠨ ᠮᠥᠩᠬᠦ ) ᠃ | ᠭᠡᠷ ᠪᠥᠯᠢ ᠶᠢᠨ ᠠᠵᠤ ᠠᠬᠤᠢ ᠨᠢ ᠬᠥᠴᠢᠷᠳᠡᠯᠳᠡᠢ ᠰᠤᠷᠤᠭᠴᠢ ᠬᠡᠳᠡᠭ ᠨᠢ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠮᠠᠯᠵᠢᠬᠤ ᠳᠠᠷᠢᠶᠠᠯᠠᠬᠤ ᠤᠷᠤᠨ ᠤ ᠬᠠᠮᠤᠭ ᠨᠠᠭᠠᠳᠤ ᠵᠠᠬ᠎ᠠ ᠶᠢᠨ | ᠠᠮᠢᠳᠤᠷᠠᠯ ᠤᠨ ᠪᠠᠳᠤᠯᠠᠭᠠᠳᠤ ᠡᠷᠥᠬᠡ ᠂ ᠤᠨᠴᠠ ᠬᠥᠴᠢᠷᠳᠡᠯᠳᠡᠢ ᠡᠷᠥᠬᠡ ᠂ ᠳᠡᠳᠬᠦᠮᠵᠢ ᠶᠢᠨ ᠡᠷᠥᠬᠡ ᠶᠢᠨ | ᠰᠤᠷᠤᠭᠴᠢ ᠬᠢᠭᠡᠳ ᠥᠨᠥᠴᠢᠨ ᠬᠡᠤᠬᠡᠳ᠂ ᠶᠠᠳᠠᠭᠤ ᠶᠢ ᠳᠡᠳᠬᠦᠬᠦ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ | ᠶᠠᠳᠠᠭᠤ ᠬᠥᠴᠢᠷᠳᠡᠯᠳᠡᠢ ᠡᠷᠥᠬᠡ ᠶᠢᠨ ᠰᠤᠷᠤᠭᠴᠢ ᠂ ᠬᠤᠳᠠ ᠪᠠᠯᠭᠠᠰᠤᠨ ᠤ ᠬᠠᠮᠤᠭ ᠨᠠᠭᠠᠳᠤ ᠵᠠᠬ᠎ᠠ ᠶᠢᠨ | ᠠᠮᠢᠳᠤᠷᠠᠯ ᠤᠨ ᠪᠠᠳᠤᠯᠠᠭᠠᠳᠤ ᠡᠷᠥᠬᠡ ᠶᠢᠨ ᠰᠤᠷᠤᠭᠴᠢ ᠂ ᠭᠡᠷ ᠪᠥᠯᠢ ᠶᠢᠨ ᠪᠥᠷᠢᠯᠳᠥᠬᠦᠨ ᠨᠢ ᠤᠷᠳᠤ | ᠬᠤᠭᠤᠴᠠᠭ᠎ᠠ ᠪᠠᠷ ᠬᠥᠨᠳᠤ ᠡᠪᠡᠳᠴᠢᠯᠡᠭᠰᠡᠨ ᠂ ᠪᠠᠶᠢᠭᠠᠯᠢ ᠶᠢᠨ ᠭᠠᠮᠰᠢᠭ ᠪᠤᠶᠤ ᠬᠡᠨᠡᠳᠳᠠ ᠶᠢᠨ ᠬᠡᠷᠡᠭ | ᠳᠤᠬᠢᠶᠠᠯᠳᠤᠭᠰᠠᠨ ᠵᠡᠷᠬᠡ ᠤᠨᠴᠠᠭᠠᠢ ᠬᠥᠴᠢᠷᠳᠡᠯᠳᠡᠢ ᠭᠡᠷ ᠪᠥᠯᠢ ᠶᠢᠨ ᠰᠤᠷᠤᠭᠴᠢ ᠶᠢ ᠵᠢᠭᠠᠵᠤ ᠪᠤᠢ ᠃ ᠭᠡᠷ ᠪᠥᠯᠢ | ᠶᠢᠨ ᠠᠵᠤ ᠠᠬᠤᠢ ᠨᠢ ᠬᠥᠴᠢᠷᠳᠡᠯᠳᠡᠢ ᠰᠤᠷᠤᠭᠴᠢ ᠶᠢᠨ ᠬᠠᠷᠢᠴᠠᠯ ᠢ ᠵᠠᠷᠴᠢᠮ ᠳᠡᠭᠡᠷ᠎ᠡ ᠪᠠᠨ ᠡᠷᠥᠬᠡ ᠠᠮᠠ ᠶᠢᠨ | ᠳᠠᠩᠰᠠ ᠪᠠᠶᠢᠭ᠎ᠠ ᠭᠠᠵᠠᠷ ᠤᠨ ᠡᠩ ᠤᠨᠲ᠋ᠡᠭᠡᠳᠤ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ | ᠪᠥᠬᠦ ᠲᠤᠭ᠎ᠠ ᠶᠢᠨ 3 0 % ᠠᠴᠠ ᠬᠡᠳᠥᠷᠢᠬᠦᠯᠵᠤ ᠪᠤᠯᠬᠤ ᠥᠭᠡᠢ ᠃ | ᠳᠥᠷᠪᠡᠳᠥᠭᠡᠷ ᠵᠤᠷᠪᠤᠰ ᠨᠥᠬᠦᠴᠡᠯ ᠲᠤ ᠳᠤᠬᠢᠷᠠᠭᠰᠠᠨ ᠳᠤᠮᠳᠠ ᠵᠡᠷᠬᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢᠨ ᠰᠥᠢᠳᠬᠡᠯ ᠢ ᠬᠡᠯᠳᠥᠷᠢᠬᠦᠯᠵᠤ ᠂ ᠬᠢᠴᠢᠶᠡᠯ ᠤᠨ ᠳᠠᠪᠳᠠᠷ ᠢ | ᠰᠥᠢᠳᠬᠡᠯ ᠬᠤᠷᠢᠶᠠᠬᠤ ᠥᠭᠡᠢ ᠪᠠᠷ ᠬᠠᠩᠭᠠᠵᠤ ᠂ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠶᠢᠨ ᠪᠠᠶᠢᠷᠢ ᠶᠢᠨ | ᠰᠥᠢᠳᠬᠡᠯ ᠢ ᠬᠡᠯᠳᠥᠷᠢᠭᠦᠯᠵᠤ ᠂ ᠦᠨᠳᠦᠷ ᠳᠤᠮᠳᠠ ᠶᠢᠨ ᠨᠢᠭᠡ ᠬᠤᠶᠠᠳᠤᠭᠠᠷ ᠤᠨ ᠤ ᠰᠤᠷᠤᠭᠴᠢ ᠪᠤᠯᠭᠠᠨ ᠳᠤ | ᠵᠢᠯ ᠪᠥᠷᠢ 1 5 0 0 ᠳᠥᠭᠦᠷᠢᠭ ᠤᠨ ᠠᠮᠢᠳᠤᠷᠠᠯ ᠤᠨ ᠰᠥᠢᠳᠬᠡᠯ ᠨᠥᠬᠦᠪᠤᠷᠢᠯᠠᠨ᠎ᠠ ᠃ ( ᠤᠯᠤᠰ ᠤᠨ | ᠰᠤᠷᠤᠯᠭ᠎ᠠ ᠶᠢᠨ ᠳᠡᠳᠬᠦᠮᠵᠢ ᠶᠢᠨ ᠮᠥᠩᠬᠦ )᠃ ᠦᠨᠳᠦᠷ ᠳᠤᠮᠳᠠ ᠶᠢᠨ ᠭᠤᠷᠪᠠᠳᠤᠭᠠᠷ ᠤᠨ ᠤ ᠰᠢᠯᠢ ᠶᠢᠨ | ᠭᠤᠤᠯ ᠠᠶᠢᠮᠠᠭ ᠤᠨᠡᠷᠥᠬᠡ ᠠᠮᠠ ᠶᠢᠨ ᠳᠠᠩᠰᠠ ᠲᠠᠢ ᠰᠤᠷᠤᠭᠴᠢ ᠪᠤᠯᠭᠠᠨ ᠳᠤ ᠵᠢᠯ ᠪᠥᠷᠢ 1 0 0 0 ᠳᠥᠭᠦᠷᠢᠭ | ᠤᠨ ᠠᠮᠢᠳᠤᠷᠠᠯ ᠤᠨ ᠰᠥᠢᠳᠬᠡᠯ ᠨᠥᠬᠦᠪᠤᠷᠢᠯᠡᠨ᠎ᠠ (ᠭᠠᠵᠠᠷ ᠤᠷᠤᠨ ᠤ ᠰᠤᠷᠤᠯᠭ᠎ᠠ ᠶᠢᠨ ᠳᠡᠳᠬᠦᠮᠵᠢ ᠶᠢᠨ | ᠮᠥᠩᠬᠦ ) ᠃ | ᠳᠠᠪᠤᠳᠤᠭᠠᠷ ᠵᠤᠷᠪᠤᠰ ᠰᠤᠷᠤᠯᠭ᠎ᠠ ᠶᠢᠨ ᠰᠥᠢᠳᠬᠡᠯ ᠬᠡᠯᠳᠥᠷᠢᠭᠦᠯᠬᠦ ᠪᠠᠷᠢᠮᠵᠢᠶ᠎ᠠ ᠨᠢ ᠰᠤᠷᠭᠠᠭᠤᠯᠢ ᠶᠢᠨ | ᠪᠤᠳᠠᠳᠠᠢ ᠰᠥᠢᠳᠭᠡᠯ ᠬᠤᠷᠢᠶᠠᠬᠤ ᠪᠠᠷᠢᠮᠵᠢᠶ᠎ᠠ ᠶᠢ ᠥᠨᠳᠥᠰᠥᠯᠡᠨ ᠬᠥᠮᠥᠨ ᠪᠦᠷᠢ ᠳᠤ ᠵᠢᠯ ᠲᠤ 2 0 0 0 | ᠳᠥᠭᠦᠷᠢᠭ ᠠᠴᠠ ᠬᠡᠳᠥᠷᠢᠭᠦᠯᠬᠦ ᠥᠭᠡᠢ ᠃ ᠬᠢᠴᠢᠶᠡᠯ ᠤᠨ ᠪᠢᠴᠢᠭ ᠤᠨ ᠰᠥᠢᠳᠬᠡᠯ ᠬᠡᠯᠳᠥᠷᠢᠬᠦᠯᠬᠦ ᠪᠠᠷᠢᠮᠵᠢᠶ᠎ᠠ ᠄ | ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠡᠩ ᠤᠨ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠥᠬᠡᠷ | ᠂ ᠬᠤᠶᠠᠳᠤᠭᠠᠷ ᠤᠨ ᠤ ᠰᠤᠷᠤᠭᠴᠢ ᠪᠤᠯ ᠬᠥᠮᠥᠨ ᠪᠦᠷᠢ ᠳᠤ ᠵᠢᠯ ᠲᠤ 6 0 0 ᠳᠥᠭᠦᠷᠢᠭ ᠂ ᠭᠤᠷᠪᠠᠳᠤᠭᠠᠷ | ᠤᠨ ᠤ ᠰᠤᠷᠤᠭᠴᠢ ᠪᠤᠯ ᠬᠥᠮᠥᠨ ᠪᠦᠷᠢ ᠵᠢᠯ ᠲᠤ2 0 0 ᠳᠥᠭᠦᠷᠢᠭ᠃ ᠬᠢᠳᠠᠳ ᠢᠶᠠᠷ ᠬᠢᠴᠢᠶᠡᠯᠯᠡᠵᠤ ᠪᠠᠶᠢᠭ᠎ᠠ | ᠡᠩ ᠤᠨ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠥᠬᠡᠷ ᠂ ᠬᠤᠶᠠᠳᠤᠭᠠᠷ ᠤᠨ ᠤ ᠰᠤᠷᠤᠭᠴᠢ | ᠪᠤᠯᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠪᠤᠯ ᠬᠥᠮᠥᠨ ᠪᠦᠷᠢ ᠵᠢᠯ ᠲᠤ 5 | 5 0 ᠳᠥᠭᠦᠷᠢᠭ ᠂ ᠭᠤᠷᠪᠠᠳᠤᠭᠠᠷ ᠤᠨ ᠤ ᠰᠤᠷᠤᠭᠴᠢ ᠪᠤᠯ ᠬᠥᠮᠥᠨ ᠪᠦᠷᠢ ᠵᠢᠯ ᠲᠤ1 0 0 ᠳᠥᠭᠦᠷᠢᠭ᠃ | ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠵᠢᠨᠪᠠᠶᠢᠷᠢ ᠶᠢᠨ ᠰᠥᠢᠳᠬᠡᠯ ᠢ ᠬᠡᠯᠲᠥᠷᠢᠭᠦᠯᠬᠦ ᠪᠠᠷᠢᠮᠵᠢᠶ᠎ᠠ ᠄ | ᠬᠥᠮᠥᠨ ᠪᠦᠷᠢ ᠵᠢᠯ ᠲᠤ 4 0 0 ᠳᠥᠭᠦᠷᠢᠭ ᠃ | ᠵᠢᠷᠭᠤᠳᠤᠭᠠᠷ ᠵᠤᠷᠪᠤᠰ ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠥᠨᠳᠥᠰᠥᠳᠡᠨ ᠤ | ᠰᠤᠷᠭᠠᠨ ᠬᠥᠮᠥᠵᠢᠯ ᠤᠨ ᠬᠥᠭᠵᠢᠯᠳᠡ ᠶᠢᠨ ᠢᠨᠵᠧᠨᠧᠷᠢᠩ ᠤᠨ ᠬᠡᠷᠡᠭᠵᠢᠭᠦᠯᠥᠯᠳᠡ ᠶᠢᠨ ᠳᠥᠰᠥᠯ︾( ᠥᠪᠤᠷ | ᠵᠠᠰᠠᠭ ᠠᠯᠪᠠᠨ ᠳᠠᠷᠬᠠᠭᠠᠭᠰᠠᠨ [ 2 0 0 7 ] 6 3 ᠳ᠋ᠤᠭᠠᠷ ᠳᠤᠭᠠᠳᠤ ) ᠢ ᠳᠤᠤᠱᠯᠠᠭᠤᠯᠤᠨ ᠬᠡᠷᠡᠭᠵᠢᠭᠦᠯᠬᠦ | ᠲᠠᠢ ᠤᠶᠠᠯᠳᠤᠭᠤᠯᠵᠤ ᠂ ᠰᠢᠯᠢ ᠶᠢᠨ ᠭᠤᠤᠯ ᠠᠶᠢᠮᠠᠭ ᠤᠨ ᠡᠷᠥᠬᠡ ᠠᠮᠠ ᠶᠢᠨ ᠳᠠᠩᠰᠠ ᠲᠠᠢ ᠮᠤᠩᠭᠤᠯ ᠢᠶᠠᠷ | ᠬᠢᠴᠢᠶᠡᠯᠯᠡᠵᠤ ᠪᠠᠶᠢᠭ᠎ᠠ ᠰᠤᠷᠤᠭᠴᠢ ᠪᠤᠯᠭᠠᠨᠳᠤ ᠵᠢᠯ ᠪᠥᠷᠢ 1 0 0 0 ᠳᠥᠭᠦᠷᠢᠭ ᠤᠨ ᠥᠨᠳᠥᠰᠥᠳᠡᠨ ᠤ | ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠨᠥᠬᠦᠪᠤᠷᠢᠯᠠᠨ᠎ᠠ ᠃ (ᠭᠠᠵᠠᠷ ᠤᠷᠤᠨ ᠤ ᠰᠤᠷᠤᠯᠭ᠎ᠠ ᠶᠢᠨ | ᠳᠡᠳᠬᠦᠮᠵᠢ ᠶᠢᠨ ᠮᠥᠩᠬᠦ ) ᠃ | ᠳᠤᠯᠤᠳᠤᠭᠠᠷ ᠵᠤᠷᠪᠤᠰ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠠᠴᠠ ᠬᠠᠤᠯᠢ ᠶᠤᠰᠤᠭᠠᠷ ᠬᠢᠨᠠᠨ | ᠵᠥᠪᠰᠢᠶᠡᠷᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠶᠢᠨ | ᠬᠡᠯᠳᠥᠷᠢᠭᠦᠯᠬᠦ ᠪᠠᠷᠢᠮᠵᠢᠶᠡᠨ ᠠᠴᠠ ᠬᠡᠳᠥᠷᠡᠭᠰᠡᠨ ᠰᠤᠷᠤᠯᠭ᠋ ᠠ ᠶᠢᠨ ᠰᠥᠢᠳᠬᠡᠯ ᠢ ᠪᠤᠯ ᠰᠤᠷᠤᠭᠴᠢ ᠶᠢᠨ ᠬᠡᠷ | ᠪᠥᠯᠢ ᠨᠢ ᠡᠬᠦᠷᠭᠡᠯᠡᠨ᠎ᠠ ᠃ | ᠭᠤᠷᠪᠠᠳᠤᠭᠠᠷ ᠪᠥᠯᠥᠭ ᠠᠵᠢᠯ ᠤᠨ ᠠᠯᠬᠤᠮ ᠳᠠᠷᠠᠭᠠᠯᠠᠯ | ᠨᠠᠢᠮᠠᠳᠤᠭᠠᠷ ᠵᠤᠷᠪᠤᠰ ᠠᠶᠢᠮᠠᠭ ᠂ ᠬᠤᠰᠢᠭᠤ ᠰᠢᠶᠡᠨ ᠬᠤᠳᠠ ( ᠤᠷᠤᠨ ) ᠳᠤᠰᠪᠤᠷᠢ ᠵᠠᠰᠠᠭ ᠤᠨ | ᠤᠷᠳᠤᠨ ( ᠬᠠᠮᠢᠶᠠᠷᠤᠯᠳᠠ ᠶᠢᠨ ᠵᠥᠪᠯᠡᠯ ) ᠤ ᠤᠳᠤᠷᠢᠳᠤᠯᠭ᠎ᠠ ᠪᠠᠷ ᠲᠡᠷᠢᠬᠦᠯᠡᠬᠦᠯᠦᠭᠰᠡᠨ ᠂ ᠰᠤᠷᠭᠠᠨ ᠬᠥᠮᠥᠵᠢᠯ ᠂ | ᠡᠳ᠋ ᠤᠨ ᠵᠠᠰᠠᠭ ᠂ ᠠᠷᠠᠳ ᠤᠨ ᠶᠠᠪᠤᠳᠠᠯ ᠂ ᠶᠠᠳᠠᠭᠤ ᠶᠢ ᠳᠡᠳᠬᠦᠬᠦ ᠂ ᠬᠢᠨᠠᠨ ᠪᠤᠳᠤᠬᠤ ᠂ ᠮᠠᠯ ᠳᠠᠷᠢᠶᠠᠯᠠᠩ ᠂ | ᠬᠢᠨᠠᠨ ᠪᠠᠶᠢᠴᠠᠭᠠᠬᠤ ᠵᠡᠷᠬᠡ ᠰᠠᠯᠠᠭ᠎ᠠ ᠮᠥᠴᠢᠷ ᠢ ᠤᠷᠤᠯᠴᠠᠭᠤᠯᠤᠭᠰᠠᠨ ᠰᠤᠷᠤᠯᠭ᠎ᠠ ᠶᠢᠨ ᠳᠡᠳᠬᠦᠮᠵᠢ ᠵᠢᠨᠠᠵᠢᠯ | ᠤᠨ ᠤᠳᠤᠷᠢᠳᠬᠤ ᠳᠤᠭᠤᠢᠢᠯᠠᠩ ᠪᠠᠶᠢᠭᠤᠯᠵᠤ ᠂ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠱᠠᠳᠤᠨ | ᠤ ᠰᠤᠷᠭᠠᠨ ᠬᠥᠮᠥᠵᠢᠯ ᠤᠨ ᠰᠥᠢᠳᠬᠡᠯ ᠬᠡᠯᠳᠥᠷᠢᠬᠦᠯᠬᠦ ᠡᠯ᠎ᠡ ᠵᠥᠢᠯ ᠤᠨ ᠲᠥᠷᠥ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠪᠠ ᠳᠡᠳᠬᠦᠮᠵᠢ ᠤᠯᠭᠤᠬᠤ ᠨᠢᠭᠤᠷᠯᠠᠯ ᠢ ᠬᠢᠨᠠᠨ ᠬᠠᠷᠭᠤᠭᠤᠯᠬᠤ ᠵᠢᠴᠢ ᠰᠤᠷᠤᠯᠭ᠎ᠠ ᠶᠢᠨ | ᠳᠡᠳᠬᠦᠮᠵᠢ ᠶᠢᠨ ᠵᠠᠷᠤᠳᠠᠯ ᠰᠥᠢᠳᠬᠡᠯ ᠢ ᠪᠠᠭᠤᠯᠭᠠᠨ ᠥᠭᠬᠦ ᠠᠵᠢᠯ ᠢ ᠬᠠᠷᠢᠭᠤᠴᠠᠨ᠎ᠠ ᠃ ᠠᠶᠢᠮᠠᠭ ᠂ ᠬᠤᠰᠢᠭᠤ | ᠰᠢᠶᠡᠨ ᠬᠤᠳᠠ ( ᠤᠷᠤᠨ ) ᠶᠢᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪ ᠪᠤᠳᠠᠳᠠᠢ | ᠠᠵᠢᠯ ᠢ ᠬᠠᠷᠢᠭᠤᠴᠠᠨ᠎ᠠ ᠃ ᠰᠤᠷᠤᠯᠭ᠎ᠠ ᠶᠢᠨ ᠳᠡᠳᠬᠦᠮᠵᠢ ᠶᠢᠨ ᠳᠥᠷᠥ ᠶᠢᠨ ᠪᠤᠳᠤᠯᠭ᠎ᠠ ᠶᠢ ᠬᠡᠷᠡᠭᠵᠢᠭᠦᠯᠵᠤ | ᠪᠠᠶᠢᠭ᠎ᠠ ᠰᠤᠷᠭᠠᠭᠤᠯᠢ ᠨᠢ ᠰᠤᠷᠭᠠᠭᠤᠯᠢ ᠶᠢᠨ ᠵᠠᠬᠢᠷᠤᠯ ᠢᠶᠠᠷ ᠨᠢᠭᠡᠳᠥᠭᠡᠷ ᠬᠠᠷᠢᠭᠤᠴᠠᠬᠤ ᠬᠥᠮᠥᠨ ᠪᠤᠯᠭᠠᠭᠰᠠᠨ | ᠬᠠᠮᠢᠶ᠎ᠠ ᠪᠥᠬᠦᠢ ᠬᠥᠮᠥᠰ ᠢ ᠤᠷᠤᠯᠴᠠᠭᠤᠯᠤᠭᠰᠠᠨ ᠤᠳᠤᠷᠢᠳᠬᠤ ᠳᠤᠭᠤᠢᠢᠯᠠᠩ ᠪᠠᠶᠢᠭᠤᠯᠬᠤ ᠶᠢᠨ ᠬᠠᠮᠳᠤ | ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠶᠢ ᠪᠥᠷᠢᠳᠬᠡᠬᠦ ᠂ ᠬᠤᠷᠢᠶᠠᠩᠭᠤᠢᠢᠯᠠᠬᠤ ᠂ ᠳ᠋ᠥᠩᠨᠡᠨ ᠪᠤᠳᠤᠬᠤ | ᠵᠡᠷᠬᠡ ᠬᠠᠮᠢᠶ᠎ᠠ ᠪᠥᠬᠦᠢ ᠠᠵᠢᠯ ᠢ ᠳᠤᠰᠬᠠᠢ ᠬᠥᠮᠥᠨ ᠢᠶᠠᠷ ᠬᠠᠷᠢᠭᠤᠴᠠᠭᠤᠯᠤᠨ᠎ᠠ ᠃ | ᠶᠢᠰᠥᠳᠥᠭᠡᠷ ᠵᠤᠷᠪᠤᠰ ᠡᠩ ᠤᠨ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ | ᠶᠢᠨ ᠮᠡᠳᠡᠭᠡ ᠵᠠᠩᠬᠢ ᠶᠢ ᠳᠡᠭᠡᠭᠰᠢ ᠮᠡᠳᠡᠭᠦᠯᠬᠦ ᠠᠵᠢᠯ | ( ᠨᠢᠭᠡ ) ᠵᠢᠯ ᠪᠦᠷᠢ ᠨᠠᠮᠤᠷ ᠤᠨ ᠰᠤᠷᠤᠯᠭ᠎ᠠ ᠶᠢᠨ ᠬᠤᠭᠤᠴᠠᠭᠠᠨ ᠳᠤ ᠂ ᠡᠯ᠎ᠡ ᠭᠠᠵᠠᠷ ᠤᠷᠤᠨ ᠤ | ᠰᠤᠷᠤᠯᠭ᠋ ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪᠨᠢ ᠠᠶᠢᠮᠠᠭ ᠤᠨ ᠰᠤᠷᠭᠠᠨ ᠬᠥᠮᠥᠵᠢᠯ ᠤᠨ | ᠳᠤᠪᠴᠢᠶᠡᠨ ᠤ ᠨᠤᠳᠠᠯᠠᠭᠰᠠᠨ ᠡᠩ ᠤᠨ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠡᠯᠰᠡᠭᠰᠡᠨ | ᠰᠤᠷᠤᠭᠴᠢ ᠶᠢᠨ ᠰᠤᠷᠭᠠᠭᠤᠯᠢ ᠶᠢᠨ ᠬᠠᠷᠢᠶᠠᠯᠠᠯ ᠢ ᠥᠨᠳᠥᠰᠥᠯᠡᠵᠤ ᠂ ᠰᠤᠷᠤᠯᠭ᠎ᠠ ᠶᠢᠨ ᠳᠡᠳᠬᠦᠮᠵᠢ ᠤᠯᠭᠤᠬᠤ | ᠰᠤᠷᠤᠭᠴᠢ ᠶᠢᠨ ᠨᠡᠷᠡᠰ ᠢ ᠬᠠᠷᠭᠤᠭᠤᠯᠬᠤ ᠶᠢᠨ ᠬᠠᠮᠳᠤ ᠳᠤᠰ ᠵᠤᠷᠪᠤᠰ ᠤᠨ ᠬᠤᠶᠠᠳᠤᠭᠠᠷ ᠵᠥᠢᠯ ᠶᠤᠰᠤᠭᠠᠷ | ᠭᠡᠷ ᠪᠥᠯᠢ ᠶᠢᠨ ᠠᠵᠤ ᠠᠬᠤᠢ ᠨᠢ ᠬᠥᠴᠢᠷᠳᠡᠯᠳᠡᠢ ᠰᠤᠷᠤᠭᠴᠢ ᠶᠢᠨ ᠠᠮᠢᠳᠤᠷᠠᠯ ᠤᠨ ᠰᠥᠢᠳᠬᠡᠯ ᠤᠨ | ᠨᠥᠬᠦᠪᠤᠷᠢ ᠶᠢᠨ ᠪᠧᠯᠧᠲ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠭᠠᠳ ᠂ 9 ᠳ᠋ᠤᠬᠡᠷ ᠰᠠᠷ᠎ᠠ ᠶᠢᠨ 3 0 ᠤ | ᠡᠳᠤᠷ ᠠᠴᠠ ᠡᠮᠤᠨ᠎ᠠ ᠳᠤᠰ ᠭᠠᠵᠠᠷ ᠤᠷᠤᠨ ᠤ ᠰᠤᠷᠤᠭᠴᠢ ᠶᠢᠨ ᠨᠡᠷᠡᠰ ᠂ ᠪᠥᠷᠢᠳᠬᠡᠯ ᠤᠨ ᠬᠥᠰᠥᠨᠥᠭ ᠂ ᠭᠡᠷ | ᠪᠥᠯᠢ ᠶᠢᠨ ᠠᠵᠤ ᠠᠬᠤᠢ ᠨᠢ ᠬᠥᠴᠢᠷᠳᠡᠯᠳᠡᠢ ᠰᠤᠷᠤᠭᠴᠢ ᠶᠢᠨ ᠠᠮᠢᠳᠤᠷᠠᠯ ᠤᠨ ᠰᠥᠢᠳᠬᠡᠯ ᠤᠨ ᠨᠥᠬᠦᠪᠤᠷᠢ | ᠶᠢᠨ ᠪᠧᠯᠧᠲ ᠵᠡᠷᠬᠡ ᠶᠢ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪ ᠲᠤ | ᠮᠡᠳᠡᠭᠦᠯᠵᠤ ᠂ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪ ᠠᠴᠠ ᠨᠤᠳᠠᠯᠠᠵᠤ | ᠳᠠᠩᠰᠠᠯᠠᠨ᠎ᠠ ᠃ | ( ᠬᠤᠶᠠᠷ ) ᠭᠡᠷ ᠪᠥᠯᠢ ᠶᠢᠨ ᠠᠵᠤ ᠠᠬᠤᠢ ᠨᠢ ᠬᠥᠴᠢᠷᠳᠡᠯᠳᠡᠢ ᠰᠤᠷᠤᠭᠴᠢ ᠶᠢ ᠨᠤᠳᠠᠯᠠᠨ ᠳᠤᠭᠳᠠᠭᠠᠬᠤ | ᠠᠵᠢᠯ ᠢ ᠢᠯᠡ ᠳᠤᠳᠤ ᠂ ᠡᠷᠬᠡ ᠳᠡᠭᠰᠢ ᠂ ᠳᠥᠪ ᠭᠤᠤᠯᠴᠢ ᠵᠠᠷᠴᠢᠮ ᠶᠤᠰᠤᠭᠠᠷ ᠂ ᠵᠢᠯ ᠪᠦᠷᠢ ᠨᠢᠭᠡ ᠤᠳᠠᠭ᠎ᠠ | ᠮᠡᠳᠡᠭᠦᠯᠤᠨ᠎ᠠ᠃ ᠡᠷᠡᠮᠡᠯᠵᠡᠯᠡᠭᠴᠢ ᠨᠢ ᠵᠢᠯ ᠪᠤᠯᠭᠠᠨ ᠤ 5 ᠳ᠋ᠤᠭᠠᠷ ᠰᠠᠷ᠎ᠠ ᠳᠤ ᠡᠷᠥᠬᠡ ᠠᠮᠠ ᠶᠢᠨ ᠳᠠᠩᠰᠠ ᠪᠠᠶᠢᠭ᠎ᠠ | ᠭᠠᠵᠠᠷ ᠤᠨ ᠬᠤᠰᠢᠭᠤ ᠰᠢᠶᠡᠨ ᠬᠤᠳᠠ ( ᠤᠷᠤᠨ ) ᠶᠢᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ | ᠶᠢᠨ ᠳᠥᠪ ᠪᠤᠶᠤ ᠰᠤᠷᠤᠯᠴᠠᠵᠤ ᠪᠠᠶᠢᠭ᠎ᠠ ᠰᠤᠷᠭᠠᠭᠤᠯᠢ ᠡᠴᠡᠭᠡᠷ ᠪᠥᠯᠢ ᠶᠢᠨ ᠠᠵᠤ ᠠᠬᠤᠢ ᠨᠢ ᠬᠥᠴᠢᠷᠳᠡᠯᠳᠡᠢ | ᠰᠤᠷᠤᠭᠴᠢ ᠶᠢᠨ ᠠᠮᠢᠳᠤᠷᠠᠯ ᠤᠨ ᠰᠥᠢᠳᠬᠡᠯ ᠤᠨ ᠨᠥᠬᠦᠪᠤᠷᠢ ᠶᠢ ᠡᠷᠡᠮᠡᠯᠵᠡᠯᠡᠬᠦ ᠬᠥᠰᠥᠨᠥᠭ ᠢ ᠠᠪᠴᠤ | ᠥᠨᠳᠥᠰᠥᠨ ᠪᠠᠶᠢᠳᠠᠯ ᠢᠶᠠᠨ ᠳᠠᠭᠯᠠᠬᠤ ᠶᠢᠨ ᠬᠠᠮᠳᠤ ᠬᠠᠮᠢᠶ᠎ᠠ ᠪᠥᠬᠦᠢ ᠬᠡᠷᠡᠴᠢ ᠮᠠᠲ᠋ᠧᠷᠢᠶᠡᠯ ᠢ ᠬᠠᠩᠭᠠᠨ᠎ᠠ ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠬᠤᠰᠢᠭᠤ ᠰᠢᠶᠡᠨ ᠬᠤᠳᠠ ( ᠤᠷᠤᠨ ) | ᠶᠢᠨ ᠠᠷᠠᠳ ᠤᠨ ᠶᠠᠪᠤᠳᠠᠯ ᠤᠨ ᠳᠤᠪᠴᠢᠶ᠎ᠡ ᠨᠢ ᠳᠠᠩᠰᠠᠯᠠᠭᠤᠯᠤᠭᠰᠠᠨ ᠮᠠᠯᠵᠢᠬᠤ ᠳᠠᠷᠢᠶᠠᠯᠠᠬᠤ ᠤᠷᠤᠨ ᠤ ᠬᠠᠮᠤᠭ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠳᠤ ᠡᠷᠥᠬᠡ ᠂ ᠤᠨᠴᠠ ᠬᠥᠴᠢᠷᠳᠡᠯᠳᠡᠢ ᠡᠷᠥᠬᠡ ᠂ ᠳᠡᠳᠬᠦᠮᠵᠢ | ᠶᠢᠨ ᠡᠷᠥᠬᠡ ᠶᠢᠨ ᠰᠤᠷᠤᠭᠴᠢ ᠵᠢᠴᠢ ᠥᠨᠥᠴᠢᠨ ᠬᠡᠤᠬᠡᠳ ᠮᠥᠨ ᠡᠰᠡᠬᠦ ᠶᠢ ᠳᠤᠰᠪᠤᠷᠢ ᠬᠢᠨᠠᠨ ᠪᠠᠶᠢᠴᠠᠭᠠᠨ᠎ᠠ᠃ | ᠶᠠᠳᠠᠭᠤ ᠶᠢ ᠳᠡᠳᠬᠦᠬᠦ ᠰᠠᠯᠠᠭ᠎ᠠ ᠮᠥᠴᠢᠷ ᠨᠢ ᠳᠠᠩᠰᠠᠯᠠᠭᠤᠯᠤᠭᠰᠠᠨ ᠬᠥᠴᠢᠷᠳᠡᠯᠳᠡᠢ ᠡᠷᠥᠬᠡ ᠶᠢᠨ ᠰᠤᠷᠤᠭᠴᠢ ᠡᠰᠡᠬᠦ | ᠶᠢ ᠬᠢᠨᠠᠨ ᠪᠠᠶᠢᠴᠠᠭᠠᠨ᠎ᠠ᠃ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨᠬᠤᠰᠢᠭᠤ ᠰᠢᠶᠡᠨ ᠬᠤᠳᠠ ( | ᠤᠷᠤᠨ ) ᠵᠢᠨᠠᠷᠠᠳ ᠤᠨ ᠶᠠᠪᠤᠳᠠᠯ ᠤᠨ ᠳᠤᠪᠴᠢᠶ᠎ᠡ ᠨᠢ ᠳᠠᠩᠰᠠᠯᠠᠭᠤᠯᠤᠭᠰᠠᠨ ᠬᠤᠳᠠ ᠪᠠᠯᠭᠠᠰᠤᠨ ᠤ ᠬᠠᠮᠤᠭ | ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠳᠤ ᠡᠷᠥᠬᠡ ᠶᠢᠨ ᠰᠤᠷᠤᠭᠴᠢ ᠡᠰᠡᠬᠦ ᠶᠢ ᠬᠢᠨᠠᠨ ᠪᠠᠶᠢᠴᠠᠭᠠᠨ᠎ᠠ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠬᠡᠷ ᠪᠥᠯᠢ ᠶᠢᠨ ᠪᠥᠷᠢᠯᠳᠥᠬᠦᠨ ᠨᠢ ᠤᠷᠳᠤ ᠬᠤᠭᠤᠴᠠᠭ᠎ᠠ ᠪᠠᠷ ᠬᠥᠨᠳᠤ ᠡᠪᠡᠳᠴᠢᠯᠡᠭᠰᠡᠨ ᠂ ᠪᠠᠶᠢᠭᠠᠯᠢ | ᠶᠢᠨ ᠭᠠᠮᠰᠢᠭ ᠪᠤᠶᠤ ᠬᠡᠨᠡᠳᠳᠠ ᠶᠢᠨ ᠬᠡᠷᠡᠭ ᠳᠤᠬᠢᠶᠠᠯᠳᠤᠭᠰᠠᠨ ᠵᠡᠷᠬᠡ ᠤᠨᠴᠠᠭᠠᠢ ᠬᠥᠴᠢᠷᠳᠡᠯᠳᠡᠢ ᠭᠡᠷ ᠪᠥᠯᠢ ᠶᠢᠨ | ᠰᠤᠷᠤᠭᠴᠢ ᠮᠥᠨ ᠡᠰᠡᠬᠦ ᠶᠢ ᠬᠢᠨᠠᠨ ᠪᠠᠶᠢᠴᠠᠭᠠᠨ᠎ᠠ ᠃ ᠡᠭᠦᠨ ᠤ ᠬᠠᠮᠳᠤ ᠳᠤᠰ ᠭᠠᠵᠠᠷ ᠤᠷᠤᠨ ᠳᠤ 5 ᠡᠳᠤᠷ | ᠢᠯᠡ ᠨᠡᠶᠢᠳᠡᠯᠡᠭᠡᠳ ᠤᠨᠳᠤᠤ ᠰᠠᠨᠠᠯ ᠥᠭᠡᠢ ᠪᠤᠯ ᠂ 6 ᠳ᠋ᠤᠭᠠᠷ ᠰᠠᠷ᠎ᠠ ᠶᠢᠨ ᠰᠡᠬᠦᠯᠴᠢ ᠪᠠᠷ ᠬᠤᠰᠢᠭᠤ ᠰᠢᠶᠡᠨ | ᠬᠤᠳᠠ ( ᠤᠷᠤᠨ ) ᠶᠢᠨ ᠰᠤᠷᠤᠯᠭ᠎ᠠ ᠶᠢᠨ ᠳᠡᠳᠬᠦᠮᠵᠢ ᠶᠢᠨ ᠠᠵᠢᠯ ᠤᠨ ᠤᠳᠤᠷᠢᠳᠬᠤ ᠳᠤᠭᠤᠢᠢᠯᠠᠩ ᠳᠤ | ᠮᠡᠳᠡᠭᠦᠯᠵᠤ ᠬᠢᠨᠠᠨ ᠵᠥᠪᠰᠢᠶᠡᠷᠡᠬᠦᠯᠥᠨᠠ ᠃ 7 ᠳ᠋ᠤᠭᠠᠷ ᠰᠠᠷ᠎ᠠ ᠶᠢᠨ ᠡᠬᠢ ᠪᠠᠷ ᠂ ᠡᠯ᠎ᠡ ᠭᠠᠵᠠᠷ ᠤᠷᠤᠨ ᠳᠡᠭᠡᠷ᠎ᠡ | ᠳᠤᠷᠠᠳᠤᠭᠰᠠᠨ ᠰᠤᠷᠤᠭᠴᠢᠳ ᠤᠨ ᠨᠡᠷᠡᠰ ᠂ ᠪᠥᠷᠢᠳᠬᠡᠯ ᠤᠨ ᠬᠥᠰᠥᠨᠥᠭ ᠂ ᠡᠷᠡᠮᠡᠯᠵᠡᠯᠡᠯ ᠤᠨ ᠬᠥᠰᠥᠨᠥᠭ ᠢ | ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪ ᠲᠤ ᠮᠡᠳᠡᠭᠦᠯᠥᠨ᠎ᠠ ᠃ ᠠᠶᠢᠮᠠᠭ ᠤᠨ | ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪ ᠬᠢᠨᠠᠨ ᠬᠠᠷᠭᠤᠭᠤᠯᠤᠭᠠᠳ ᠂ ᠠᠶᠢᠮᠠᠭ ᠤᠨ | ᠰᠤᠷᠤᠯᠭ᠎ᠠ ᠶᠢᠨ ᠳᠡᠳᠬᠦᠮᠵᠢ ᠶᠢᠨ ᠠᠵᠢᠯ ᠤᠨ ᠤᠳᠤᠷᠢᠳᠬᠤ ᠳᠤᠭᠤᠢᠢᠯᠠᠩ ᠳᠤ ᠮᠡᠳᠡᠭᠦᠯᠵᠤ ᠨᠤᠳᠠᠯᠠᠭᠤᠯᠬᠤ | ᠶᠢᠨ ᠬᠠᠮᠳᠤ︽ᠰᠢᠯᠢ ᠶᠢᠨ ᠭᠤᠤᠯ ᠠᠶᠢᠮᠠᠭ ᠤᠨ ᠡᠩ ᠤᠨ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ | ᠶᠢᠨ ᠭᠡᠷ ᠪᠥᠯᠢ ᠶᠢᠨ ᠠᠵᠤ ᠠᠬᠤᠢ ᠨᠢ ᠬᠥᠴᠢᠷᠳᠡᠯᠳᠡᠢ ᠰᠤᠷᠤᠭᠴᠢ ᠶᠢᠨ ᠠᠮᠢᠳᠤᠷᠠᠯ ᠤᠨ ᠰᠥᠢᠳᠬᠡᠯ ᠤᠨ | ᠨᠥᠬᠦᠪᠤᠷᠢ ᠶᠢᠨ ᠪᠧᠯᠧᠲ︾ ᠢ ᠨᠢᠭᠡᠳᠥᠯᠳᠡᠢ ᠳᠠᠷᠤᠮᠠᠯᠯᠠᠵᠤ ᠂ ᠬᠤᠰᠢᠭᠤ ᠰᠢᠶᠡᠨ ᠬᠤᠳᠠ ( ᠤᠷᠤᠨ ) ᠶᠢᠨ | ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪᠡᠴᠡ ᠬᠠᠮᠢᠶ᠎ᠠ ᠪᠥᠬᠦᠢ ᠠᠭᠤᠯᠭ᠎ᠠ ᠶᠢ ᠨᠢᠭᠡᠳᠥᠯᠳᠡᠢ | ᠳᠠᠭᠯᠠᠵᠤ ᠠᠯᠪᠠᠨ ᠳᠠᠮᠠᠭ᠎ᠠ ᠳᠠᠷᠤᠭᠠᠳ ᠂ 7 ᠳ᠋ᠤᠭᠠᠷ ᠰᠠᠷ᠎ᠠ ᠶᠢᠨ 2 5 ᠤ ᠡᠳᠤᠷ ᠠᠴᠠ ᠡᠮᠤᠨ᠎ᠠ | ᠡᠷᠡᠮᠡᠯᠵᠡᠯᠡᠭᠰᠡᠨ ᠰᠤᠷᠤᠭᠴᠢᠳ ᠲᠤ ᠭᠠᠷᠳᠠᠭᠤᠯᠤᠨ᠎ᠠ ᠃ | ᠠᠷᠪᠠᠳᠤᠭᠠᠷ ᠵᠤᠷᠪᠤᠰ ᠦᠨᠳᠦᠷ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠤᠭᠴᠢ | ᠶᠢᠨ ᠮᠡᠳᠡᠭᠡ ᠵᠠᠩᠬᠢ ᠶᠢ ᠳᠡᠭᠡᠭᠰᠢ ᠮᠡᠳᠡᠭᠦᠯᠬᠦ ᠠᠵᠢᠯ ᠵᠢᠯ ᠪᠦᠷᠢ ᠤ ᠨᠠᠮᠤᠷ ᠤᠨ ᠰᠤᠷᠤᠯᠭ᠎ᠠ ᠶᠢᠨ | ᠬᠤᠭᠤᠴᠠᠭᠠᠨ ᠳᠤ ᠂ ᠰᠢᠨ᠎ᠡ ᠡᠯᠰᠡᠭᠰᠡᠨ ᠰᠤᠷᠤᠭᠴᠢ ᠪᠥᠬᠦ ᠤᠯᠤᠰ ᠤᠨ ᠳᠤᠮᠳᠠ ᠵᠡᠷᠬᠡ ᠶᠢᠨ ᠠᠵᠢᠯ ᠮᠡᠷᠬᠡᠵᠢᠯ | ᠤᠨᠰᠤᠷᠭᠠᠭᠤᠯᠢ ᠶᠢᠨ ᠰᠤᠷᠤᠭᠴᠢᠳ ᠤᠨ ᠬᠠᠮᠢᠶᠠᠷᠤᠯᠳᠠ ᠶᠢᠨ ᠮᠡᠳᠡᠭᠡ ᠵᠠᠩᠬᠢ ᠶᠢᠨ ᠰᠢᠰᠲ᠋ᠧᠮ ᠳᠤ | ᠰᠤᠷᠭᠠᠭᠤᠯᠢ ᠶᠢᠨ ᠬᠠᠷᠢᠶᠠᠯᠠᠯ ᠢᠶᠠᠨ ᠳᠠᠩᠰᠠᠯᠠᠭᠤᠯᠵᠤ ᠂ ᠡᠯ᠎ᠡ ᠭᠠᠵᠠᠷ ᠤᠷᠤᠨ ᠤ ᠰᠤᠷᠤᠯᠭ᠎ᠠ ᠶᠢᠨ ᠳᠡᠳᠬᠦᠮᠵᠢ | ᠶᠢᠨ ᠬᠠᠮᠢᠶᠠᠷᠤᠯᠳᠠ ᠶᠢᠨ ᠳᠥᠪ ᠨᠢ ᠠᠶᠢᠮᠠᠭ ᠤᠨ ᠰᠤᠷᠭᠠᠨ ᠬᠥᠮᠥᠵᠢᠯ ᠤᠨ ᠳᠤᠪᠴᠢᠶᠡᠨ ᠠᠴᠠ ᠨᠤᠳᠠᠯᠠᠭᠰᠠᠨ | ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ | ᠢ ᠥᠨᠳᠥᠰᠥᠯᠠᠵᠤ ᠂ ᠳᠡᠳᠬᠦᠮᠵᠢ ᠤᠯᠭᠤᠬᠤ ᠰᠤᠷᠤᠭᠴᠢ ᠶᠢᠨ ᠨᠡᠷᠡᠰ ᠢ ᠨᠠᠷᠢᠨ ᠬᠢᠨᠠᠮᠠᠭᠠᠢ ᠬᠠᠷᠭᠤᠭᠤᠯᠤᠭᠠᠳ ᠂ | 9 ᠳ᠋ᠤᠭᠡᠷ ᠰᠠᠷ᠎ᠠ ᠶᠢᠨ 3 0 ᠤ ᠡᠳᠤᠷ ᠡᠴᠡᠡᠮᠤᠨᠠ ᠳᠤᠰ ᠭᠠᠵᠠᠷ ᠤᠷᠤᠨ ᠤ ᠰᠤᠷᠤᠭᠴᠢ ᠶᠢᠨ ᠨᠡᠷᠡᠰ ᠂ | ᠪᠥᠷᠢᠳᠬᠡᠯ ᠤᠨ ᠬᠥᠰᠥᠨᠥᠭ ᠢ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪ | ᠲᠤ ᠮᠡᠳᠡᠭᠦᠯᠵᠤ ᠂ ᠠᠶᠢᠮᠠᠭ ᠤᠨᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪ ᠠᠴᠠ ᠨᠤᠳᠠᠯᠠᠨ | ᠳᠠᠩᠰᠠᠯᠠᠨ᠎ᠠ ᠃ | ᠳᠥᠷᠪᠡᠳᠥᠭᠡᠷ ᠪᠥᠯᠥᠭ ᠪᠡᠯᠡ ᠮᠥᠩᠬᠦ ᠶᠢᠨ ᠢᠷᠡᠯᠳᠡ ᠬᠢᠬᠡᠳ ᠬᠠᠮᠢᠶᠠᠷᠤᠯᠳᠠ | ᠠᠷᠪᠠᠨ ᠨᠢᠭᠡᠳᠤᠭᠡᠷ ᠵᠤᠷᠪᠤᠰ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ | ᠳᠡᠳᠬᠦᠮᠵᠢ ᠶᠢᠨ ᠮᠥᠩᠬᠦ ᠶᠢ ᠪᠤᠯ ᠂ ᠤᠯᠤᠰ᠂ ᠥᠪᠡᠷᠳᠡᠭᠡᠨ ᠵᠠᠰᠠᠬᠤ ᠤᠷᠤᠨ ᠂ ᠠᠶᠢᠮᠠᠭ ᠂ ᠬᠤᠰᠢᠭᠤ ( | ᠰᠢᠶᠡᠨ ᠬᠤᠳᠠ ᠤᠷᠤᠨ ) ᠲᠦᠷᠪᠡᠨ ᠱᠠᠳᠤ ᠪᠠᠷ ᠬᠤᠪᠢᠶᠠᠨ ᠡᠬᠦᠷᠭᠡᠯᠡᠨ᠎ᠡ ᠃ ᠠᠶᠢᠮᠠᠭ ᠤᠨ ᠳᠤᠳᠤᠷᠡᠬᠢ | ᠡᠭᠦᠷᠭᠡᠯᠡᠬᠦ ᠬᠡᠰᠡᠭ ᠢ ᠪᠤᠯ ᠂ ᠬᠤᠰᠢᠭᠤ ᠰᠢᠶᠡᠨ ᠬᠤᠳᠠ ( ᠤᠷᠤᠨ ) ᠶᠢᠨ ᠡᠳ᠋ ᠤᠨ ᠵᠠᠰᠠᠭ ᠤᠨ ᠤᠷᠤᠯᠭ᠎ᠠ | ᠶᠢᠨ ᠵᠥᠷᠢᠶ᠎ᠡ ᠪᠤᠯᠤᠨ ᠬᠥᠯᠢᠶᠡᠨ ᠠᠪᠬᠤ ᠴᠢᠳᠠᠪᠤᠷᠢ ᠶᠢ ᠨᠢ ᠥᠨᠳᠥᠰᠥᠯᠡᠵᠤ ᠂ ᠠᠶᠢᠮᠠᠭ ᠬᠤᠰᠢᠭᠤ ︵ᠰᠢᠶᠠᠨ | ᠬᠤᠲᠡ︶ ᠶᠢᠨ ᠡᠭᠦᠷᠬᠡᠯᠡᠬᠦ ᠬᠠᠷᠢᠴᠠᠯ ᠢ ᠲᠥᠷᠥᠯ ᠬᠤᠪᠢᠶᠠᠨ ᠳᠤᠭᠳᠠᠭᠠᠨ᠎ᠠ ᠃ ᠵᠢᠯ ᠪᠤᠯᠭᠠᠨ ᠤ ᠡᠬᠢᠨ ᠳᠤ | ᠠᠶᠢᠮᠠᠭ ᠤᠨ ᠡᠳ᠋ ᠤᠨ ᠵᠠᠰᠠᠭ ᠤᠨ ᠳᠤᠪᠴᠢᠶ᠎ᠡ ᠂ ᠰᠤᠷᠭᠠᠨ ᠬᠥᠮᠥᠵᠢᠯ ᠤᠨ ᠳᠤᠪᠴᠢᠶ᠎ᠡ ᠪᠤᠳᠠᠳᠠᠢ ᠡᠭᠦᠷᠬᠡᠯᠡᠬᠦ | ᠬᠠᠷᠢᠴᠠᠯ ᠢ ᠳᠤᠷᠠᠳᠴᠤ ᠂ ᠵᠠᠬᠢᠷᠭ᠎ᠠ ᠳᠤ ᠮᠡᠳᠡᠭᠦᠯᠵᠤ ᠰᠤᠳᠤᠯᠤᠨ ᠳᠤᠭᠳᠠᠭᠠᠵᠤ ᠂ ᠬᠡᠷᠡᠭᠰᠡᠬᠦ ᠪᠡᠯᠡ ᠮᠥᠩᠬᠦ ᠶᠢ | ᠳᠤᠰ ᠱᠠᠳᠤᠨ ᠤ ᠵᠢᠯ ᠤᠨ ᠡᠳ᠋ ᠤᠨ ᠵᠠᠰᠠᠭ ᠤᠨ ᠳᠥᠰᠥᠪ ᠲᠤ ᠤᠷᠤᠭᠤᠯᠤᠨ᠎ᠠ ᠃ | ᠠᠷᠪᠠᠨ ᠬᠤᠶᠠᠳᠤᠭᠠᠷ ᠵᠤᠷᠪᠤᠰ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠶᠢᠨ ᠬᠠᠮᠢᠶᠠᠷᠤᠯᠳᠠ ᠶᠢᠨ | ᠳᠥᠪ ᠨᠢ ᠬᠤᠰᠢᠭᠤ ᠰᠢᠶᠡᠨ ᠬᠤᠳᠠ ( ᠤᠷᠤᠨ ) ᠪᠤᠯᠤᠨ ᠰᠤᠷᠭᠠᠭᠤᠯᠢ ᠪᠠᠷ ᠬᠤᠪᠢᠶᠡᠨ ᠰᠤᠷᠤᠯᠭ᠎ᠠ ᠶᠢᠨ | ᠳᠡᠳᠬᠦᠮᠵᠢ ᠶᠢᠨ ᠮᠥᠩᠬᠦ ᠶᠢᠨ ᠶᠡᠷᠥᠩᠬᠡᠢ ᠲᠤᠭ᠎ᠠ ᠶᠢ ᠪᠤᠳᠤᠵᠤ ᠭᠠᠷᠭᠠᠬᠤ ᠶᠢ ᠬᠠᠷᠢᠭᠤᠴᠠᠬᠤ ᠶᠢᠨ ᠬᠠᠮᠳᠤ | ᠠᠶᠢᠮᠠᠭ ᠤᠨ ᠡᠳ᠋ ᠤᠨ ᠵᠠᠰᠠᠭ ᠤᠨ ᠳᠤᠪᠴᠢᠶᠡᠨ ᠳᠤ ᠴᠠᠭ ᠳᠤᠬᠠᠢ ᠳᠤᠨᠢ ᠮᠡᠳᠡᠭᠦᠯᠥᠨ᠎ᠠ ᠃ ᠠᠶᠢᠮᠠᠭ ᠤᠨ | ᠡᠳ᠋ ᠤᠨ ᠵᠠᠰᠠᠭ ᠤᠨ ᠳᠤᠪᠴᠢᠶ᠎ᠡ ᠂ ᠰᠤᠷᠭᠠᠨ ᠬᠥᠮᠥᠵᠢᠯ ᠤᠨ ᠳᠤᠪᠴᠢᠶ᠎ᠡ ᠠᠴᠠ ᠰᠤᠷᠤᠯᠭ᠎ᠠ ᠶᠢᠨ | ᠬᠤᠭᠤᠴᠠᠭ᠎ᠠ ᠪᠠᠷ ᠨᠢ ᠳᠡᠳᠬᠦᠮᠵᠢ ᠶᠢᠨ ᠮᠥᠩᠬᠦᠨ ᠤ ᠬᠥᠢᠴᠡᠳᠬᠡᠯ ᠳᠤᠭ᠎ᠠ ᠶᠢ ᠪᠠᠭᠤᠯᠭᠠᠨ ᠥᠭᠬᠦᠨ᠎ᠠ ᠃ | ᠠᠶᠢᠮᠠᠭ ᠤᠨ ᠡᠳ᠋ ᠤᠨ ᠵᠠᠰᠠᠭ ᠤᠨ ᠳᠤᠪᠴᠢᠶ᠎ᠡ ᠨᠢ ᠤᠯᠤᠰ ᠂ ᠥᠪᠡᠷᠳᠡᠭᠡᠨ ᠵᠠᠰᠠᠬᠤ ᠤᠷᠤᠨ | ᠡᠴᠡᠪᠠᠭᠤᠯᠭᠠᠭᠰᠠᠨ ᠳᠡᠳᠬᠦᠮᠵᠢ ᠶᠢᠨ ᠮᠥᠩᠬᠦ ᠵᠢᠥᠨᠳᠥᠰᠥᠯᠡᠵᠤ ᠂ ᠡᠯ᠎ᠡ ᠭᠠᠵᠠᠷ ᠤᠷᠤᠨ ᠂ ᠡᠯ᠎ᠡ | ᠰᠤᠷᠭᠠᠭᠤᠯᠢ ᠶᠢᠨ ᠳᠡᠳᠬᠦᠮᠵᠢ ᠶᠢᠨ ᠮᠥᠩᠬᠦ ᠶᠢᠨ ᠶᠡᠷᠥᠩᠬᠡᠢ ᠲᠤᠭ᠎ᠠ ᠲᠠᠢ ᠬᠠᠷᠭᠤᠭᠤᠯᠤᠭᠠᠳ ᠂ 5 ᠠᠵᠢᠯᠯᠠᠬᠤ | ᠡᠳᠤᠷ ᠤᠨ ᠳᠤᠳᠤᠷ᠎ᠡ ᠠᠶᠢᠮᠠᠭ ᠤᠨ ᠱᠠᠳᠤᠨ ᠠᠴᠠ ᠳᠡᠭᠡᠭᠰᠢᠬᠢ ᠰᠤᠷᠤᠯᠭ᠎ᠠ ᠶᠢᠨ ᠳᠡᠳᠬᠦᠮᠵᠢ ᠶᠢᠨ ᠮᠥᠩᠬᠦ ᠶᠢ | ᠬᠤᠰᠢᠭᠤ ᠰᠢᠶᠡᠨ ᠬᠤᠳᠠ ( ᠤᠷᠤᠨ ) ᠶᠢᠨ ᠡᠳ᠋ ᠤᠨ ᠵᠠᠰᠠᠭ ᠤᠨ ᠳᠤᠪᠴᠢᠶᠡᠨ ᠳᠤ ᠪᠠᠭᠤᠯᠭᠠᠨ ᠥᠭᠴᠥ ᠂ | ᠡᠯ᠎ᠡ ᠭᠠᠵᠠᠷ ᠤᠷᠤᠨ ᠤ ᠡᠳ᠋ ᠤᠨ ᠵᠠᠰᠠᠭ ᠤᠨ ᠳᠤᠪᠴᠢᠶ᠎ᠡ ᠳᠤᠰ ᠱᠠᠳᠤ ᠪᠤᠯᠤᠨ ᠳᠡᠭᠡᠳᠤ ᠱᠠᠳᠤᠨ ᠤ ᠰᠤᠷᠤᠯᠭ᠎ᠠ | ᠶᠢᠨ ᠳᠡᠳᠬᠦᠮᠵᠢ ᠶᠢᠨ ᠮᠥᠩᠬᠦ ᠶᠢ 5 ᠠᠵᠢᠯᠯᠠᠬᠤ ᠡᠳᠤᠷ ᠤᠨ ᠳᠤᠳᠤᠷ᠎ᠠ ᠳᠠᠬᠢᠭᠠᠳ ᠠᠶᠢᠮᠠᠭ ᠤᠨ ᠰᠤᠷᠤᠯᠭ᠎ᠠ | ᠶᠢᠨ ᠳᠡᠳᠬᠦᠮᠵᠢ ᠶᠢᠨ ᠬᠠᠮᠢᠶᠠᠷᠤᠯᠳᠠ ᠶᠢᠨ ᠳᠥᠪ ᠲᠤ ᠶᠠᠪᠤᠭᠤᠯᠵᠤ ᠥᠭᠬᠦᠨ ᠂ ᠠᠶᠢᠮᠠᠭ ᠤᠨ ᠰᠤᠷᠤᠯᠭ᠎ᠠ ᠶᠢᠨ | ᠳᠡᠳᠬᠦᠮᠵᠢ ᠶᠢᠨ ᠬᠠᠮᠢᠶᠠᠷᠤᠯᠳᠠ ᠶᠢᠨ ᠳᠥᠪ ᠨᠢ ᠨᠢᠭᠡᠳᠥᠯᠳᠡᠢ ᠴᠤᠭᠯᠠᠭᠤᠯᠤᠭᠰᠠᠨ ᠰᠤᠷᠤᠯᠭ᠎ᠠ ᠶᠢᠨ ᠳᠡᠳᠬᠦᠮᠵᠢ | ᠶᠢᠨ ᠮᠥᠩᠬᠦ ᠶᠢ ᠰᠤᠷᠤᠭᠴᠢᠳ ᠤᠨ ᠰᠤᠷᠤᠯᠴᠠᠵᠤ ᠪᠠᠶᠢᠭ᠎ᠠ ᠰᠤᠷᠭᠠᠭᠤᠯᠢ ᠳᠤ ᠴᠠᠭ ᠳᠤᠬᠠᠢ ᠳᠤᠨᠢ ᠪᠠᠭᠤᠯᠭᠠᠨ | ᠥᠭᠬᠦᠨ᠎ᠠ ᠃ | ᠠᠷᠪᠠᠨ ᠭᠤᠷᠪᠠᠳᠤᠭᠠᠷ ᠵᠤᠷᠪᠤᠰ ᠤᠯᠤᠰ᠂ ᠥᠪᠡᠷᠳᠡᠭᠡᠨ ᠵᠠᠰᠠᠬᠤ ᠤᠷᠤᠨ ᠠᠴᠠ ᠳᠤᠭᠳᠠᠭᠠᠭᠰᠠᠨ ᠦᠨᠳᠦᠷ | ᠵᠡᠷᠬᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠨ ᠬᠥᠮᠥᠵᠢᠯ ᠤᠨ ᠰᠤᠷᠤᠯᠭ᠎ᠠ ᠶᠢᠨ ᠳᠡᠳᠬᠦᠮᠵᠢ | ᠶᠢᠨ ᠮᠥᠩᠬᠦ ᠤᠯᠭᠤᠬᠤ ᠬᠤᠯᠪᠤᠭᠳᠠᠯ ᠪᠥᠬᠦᠢ ᠳᠥᠷᠥ ᠶᠢᠨ ᠪᠤᠳᠤᠯᠭ᠎ᠠ ᠶᠢᠨ ᠨᠥᠬᠦᠴᠠᠯ ᠳᠤ ᠳᠤᠬᠢᠷᠠᠭᠰᠠᠨ | ᠰᠤᠷᠤᠭᠴᠢᠳ ᠲᠤ ᠪᠤᠯ ᠂ ︽ᠥᠨᠳᠥᠷ ᠪᠠᠷᠢᠮᠵᠢᠶ᠎ᠠ ᠪᠠᠷ ᠤᠯᠭᠤᠬᠤ︾ᠵᠠᠷᠴᠢᠮ ᠶᠤᠰᠤᠭᠠᠷ ᠳᠡᠳᠬᠦᠮᠵᠢ ᠶᠢᠨ | ᠮᠥᠩᠬᠦ ᠤᠯᠭᠤᠨ᠎ᠠ ᠂ ᠬᠡᠪᠡᠴᠥ ᠳᠠᠪᠬᠤᠷᠳᠠᠭᠤᠯᠤᠨ ᠤᠯᠭᠤᠵᠤ ᠪᠤᠯᠬᠤ ᠥᠭᠡᠢ ᠃ | ᠠᠷᠪᠠᠨ ᠳᠥᠷᠪᠡᠳᠥᠭᠡᠷ ᠵᠤᠷᠪᠤᠰ ᠰᠤᠷᠤᠯᠭ᠎ᠠ ᠶᠢᠨ ᠰᠥᠢᠳᠬᠡᠯ᠂ ᠪᠠᠶᠢᠷᠢ ᠶᠢᠨ ᠰᠥᠢᠳᠬᠡᠯ ᠬᠡᠯᠳᠥᠷᠢᠬᠦᠯᠬᠦ | ᠪᠡᠯᠡ ᠮᠥᠩᠬᠦ ᠶᠢ ᠪᠤᠯ ᠰᠤᠷᠤᠭᠴᠢᠳᠰᠥ᠋ᠢᠳᠬᠡᠯ ᠬᠤᠷᠢᠶᠠᠬᠤ ᠥᠭᠡᠢ ᠪᠠᠷ ᠰᠤᠷᠭᠠᠨ ᠬᠥᠮᠥᠵᠢᠯ ᠬᠥᠷᠳᠡᠭᠡᠬᠦ ᠲᠥᠷᠥ | ᠶᠢᠨ ᠪᠤᠳᠤᠯᠭ᠎ᠠ ᠶᠢ ᠬᠥᠷᠳᠡᠭᠰᠡᠨ ᠠᠴᠠ ᠂ ᠡᠳ᠋ ᠤᠨ ᠵᠠᠰᠠᠭ ᠠᠴᠠ ᠰᠤᠷᠤᠭᠴᠢᠳ ᠤᠨ ᠳᠤᠭ᠎ᠠ ᠶᠢ | ᠥᠨᠳᠥᠰᠥᠯᠡᠵᠤ ᠰᠤᠷᠭᠠᠭᠤᠯᠢ ᠳᠤ ᠥᠭᠬᠦᠭᠰᠡᠨ ᠵᠠᠷᠤᠳᠠᠯ ᠪᠤᠯᠤᠨ᠎ᠠ ᠂ ᠰᠤᠷᠭᠠᠭᠤᠯᠢ ᠨᠢ ᠰᠤᠷᠤᠭᠴᠢᠳ ᠡᠴᠡᠡᠳᠡᠭᠡᠷ | ᠰᠥᠢᠳᠬᠡᠯ ᠢ ᠳᠠᠬᠢᠵᠤ ᠬᠤᠷᠢᠶᠠᠵᠤ ᠪᠤᠯᠬᠤ ᠥᠭᠡᠢ ᠃ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠰᠤᠷᠤᠭᠴᠢᠳ | ᠤᠨ ᠬᠢᠴᠢᠶᠡᠯ ᠤᠨ ᠳᠠᠪᠳᠠᠷ ᠢ ᠥᠪᠡᠷᠳᠡᠭᠡᠨ ᠵᠠᠰᠠᠬᠤ ᠤᠷᠤᠨ ᠤ ᠰᠤᠷᠭᠠᠨ ᠬᠥᠮᠥᠵᠢᠯ ᠤᠨ ᠲᠢᠩᠬᠢᠮ ᠂ ᠡᠳ᠋ | ᠤᠨ ᠵᠠᠰᠠᠭ ᠤᠨ ᠲᠢᠩᠬᠢᠮ ᠠᠴᠠ ᠨᠢᠭᠡᠳᠥᠯᠳᠡᠢ ᠳᠠᠭᠠᠭᠠᠴᠢᠯᠠᠯᠳᠠ ᠵᠠᠷᠯᠠᠨ ᠬᠤᠳᠠᠯᠳᠤᠨ ᠠᠪᠴᠥ ᠂ ᠰᠥᠢᠳᠬᠡᠯ | ᠬᠤᠷᠢᠶᠠᠬᠤ ᠥᠭᠡᠢ ᠪᠠᠷ ᠳᠠᠷᠬᠠᠭᠠᠨ ᠥᠭᠬᠦᠨ᠎ᠠ᠃ ᠬᠢᠳᠠᠳ ᠢᠶᠠᠷ ᠬᠢᠴᠢᠶᠡᠯᠯᠡᠵᠤ ᠪᠠᠶᠢᠭ᠎ᠠ ᠡᠩ ᠤᠨ ᠦᠨᠳᠦᠷ ᠵᠡᠷᠬᠡ | ᠶᠢᠨ ᠳᠤᠮᠳᠠᠳᠤ ᠰᠤᠷᠭᠠᠭᠤᠯᠢ ᠪᠤᠯᠤᠨ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ | ᠰᠤᠷᠤᠭᠴᠢᠳ ᠤᠨ ᠬᠢᠴᠢᠶᠡᠯ ᠤᠨ ᠳᠡᠪᠳᠡᠷ ᠢ ᠠᠶᠢᠮᠠᠭ ᠤᠨ ᠰᠤᠷᠭᠠᠨ ᠬᠥᠮᠥᠵᠢᠯ ᠤᠨ ᠳᠤᠪᠴᠢᠶ᠎ᠡ ᠂ ᠡᠳ᠋ ᠤᠨ | ᠵᠠᠰᠠᠭ ᠤᠨ ᠳᠤᠪᠴᠢᠶ᠎ᠡ ᠨᠢᠭᠡᠳᠥᠯᠳᠡᠢ ᠬᠤᠳᠠᠯᠳᠤᠨ ᠠᠪᠴᠥ ᠰᠥᠢᠳᠬᠡᠯ ᠬᠤᠷᠢᠶᠠᠬᠤ ᠥᠭᠡᠢ ᠪᠠᠷ ᠳᠠᠷᠬᠠᠭᠠᠨ | ᠥᠭᠬᠦᠨ᠎ᠠ ᠃ | ᠰᠤᠷᠤᠭᠴᠢᠳ ᠤᠨ ᠠᠮᠢᠳᠤᠷᠠᠯ ᠤᠨ ᠰᠥᠢᠳᠬᠡᠯ ᠤᠨ ᠨᠥᠬᠦᠪᠤᠷᠢ ᠪᠤᠯᠤᠨ ᠥᠨᠳᠥᠰᠥᠳᠡᠨ ᠤ ᠰᠤᠷᠤᠯᠭ᠎ᠠ | ᠶᠢᠨ ᠳᠡᠳᠬᠦᠮᠵᠢ ᠶᠢᠨ ᠮᠥᠩᠬᠦ ᠶᠢ ᠰᠤᠷᠤᠭᠴᠢᠳ ᠤᠨ ᠠᠮᠢᠳᠤᠷᠠᠯ ᠰᠤᠷᠤᠯᠴᠠᠯᠭ᠎ᠠ ᠳᠤ ᠬᠡᠷᠡᠭᠯᠡᠬᠦ ᠶᠢ ᠪᠠᠳᠤᠯᠠᠬᠤ | ᠶᠢᠨ ᠳᠤᠰᠠᠳᠠ ᠂ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢᠳ ᠲᠤ ᠪᠤᠯ ᠰᠤᠷᠭᠠᠭᠤᠯᠢ ᠠᠴᠠ ᠬᠤᠭᠤᠯᠠᠨ ᠺᠠᠷᠲ | ᠶᠢᠨ ᠬᠡᠯᠪᠡᠷᠢ ᠪᠠᠷ ᠥᠭᠬᠦᠨ᠎ᠡ ᠃ ᠬᠤᠳᠠ ᠪᠠᠯᠭᠠᠰᠤᠨ ᠤ ᠪᠠᠶᠢᠷᠢ ᠳᠤ ᠰᠠᠭᠤᠵᠤ ᠥᠭᠡᠢ ᠰᠤᠷᠤᠭᠴᠢᠳᠲ᠋ᠤ ᠪᠤᠯ | ᠰᠤᠷᠭᠠᠭᠤᠯᠢ ᠠᠴᠠ ᠪᠡᠯᠡᠨ ᠵᠤᠭᠤᠰ ᠢ ᠭᠡᠷ ᠤᠨ ᠠᠬᠠᠮᠠᠳ ᠲᠤᠨᠢ ᠥᠭᠬᠦᠨ᠎ᠡ ᠂ ᠪᠤᠳᠠᠰ ᠪᠤᠶᠤ ᠥᠢᠯᠡᠴᠢᠯᠡᠭᠡ | ᠵᠡᠷᠬᠡ ᠤᠨᠳᠤᠤ ᠬᠡᠯᠪᠡᠷᠢ ᠪᠠᠷ ᠤᠷᠤᠯᠠᠭᠤᠯᠬᠤ ᠪᠤᠶᠤ ᠬᠠᠰᠤᠵᠤ ᠤᠭᠳᠤ ᠪᠤᠯᠬᠤ ᠥᠭᠡᠢ ᠃ | ᠳᠠᠪᠤᠳᠤᠭᠠᠷ ᠪᠥᠯᠥᠭ ᠬᠢᠨᠠᠯᠳᠠ ᠪᠠᠶᠢᠴᠠᠭᠠᠯᠳᠠ | ᠠᠷᠪᠠᠨ ᠳᠠᠪᠤᠳᠤᠭᠠᠷ ᠵᠤᠷᠪᠤᠰ ᠠᠶᠢᠮᠠᠭ ᠤᠨ ᠰᠤᠷᠤᠯᠭ᠎ᠠ ᠶᠢᠨ ᠳᠡᠳᠬᠦᠮᠵᠢ ᠵᠢᠨᠠᠵᠢᠯ ᠤᠨ | ᠤᠳᠤᠷᠢᠳᠬᠤ ᠳᠤᠭᠤᠢᠢᠯᠠᠩ ᠡᠯ᠎ᠡ ᠬᠤᠰᠢᠭᠤ ᠰᠢᠶᠡᠨ ᠬᠤᠳᠠ ( ᠤᠷᠤᠨ ) ᠶᠢᠨ ᠦᠨᠳᠦᠷ ᠵᠡᠷᠬᠡ ᠶᠢᠨ ᠳᠤᠮᠳᠠᠳᠤ | ᠰᠤᠷᠭᠠᠭᠤᠯᠢ ᠵᠢᠨᠱᠠᠳᠤᠨ ᠳᠤ ᠰᠥᠢᠳᠬᠡᠯ ᠬᠤᠷᠢᠶᠠᠬᠤ ᠥᠭᠡᠢ ᠪᠠᠷ ᠰᠤᠷᠭᠠᠨ ᠬᠥᠮᠥᠵᠢᠯ ᠬᠥᠷᠳᠡᠭᠡᠬᠦ ᠪᠥᠬᠦ | ᠶᠠᠪᠤᠴᠠ ᠳᠤ ᠬᠢᠨᠠᠯᠳᠠ ᠳᠠᠯᠪᠢᠨ ᠪᠠᠶᠢᠴᠠᠭᠠᠬᠤ ᠶᠢᠨ ᠬᠠᠮᠳᠤ ᠡᠯ᠎ᠡ ᠬᠤᠰᠢᠭᠤ ᠰᠢᠶᠡᠨ ᠬᠤᠳᠠ ( ᠤᠷᠤᠨ ) | ᠵᠢᠨᠰᠤᠷᠤᠯᠭᠠ ᠶᠢᠨ ᠳᠡᠳᠬᠦᠮᠵᠢ ᠶᠢᠨ ᠵᠠᠷᠤᠳᠠᠯ ᠢ ᠳᠤᠭ᠎ᠠ ᠶᠤᠰᠤᠭᠠᠷ ᠂ ᠴᠠᠭ ᠳᠤᠬᠠᠢ ᠳᠤᠨᠢ ᠥᠭᠬᠦ ᠶᠢ | ᠱᠠᠯᠠᠪᠳᠠᠭᠤᠯᠤᠨ ᠪᠠᠶᠢᠴᠠᠭᠠᠨ᠎ᠠ ᠃ ᠬᠤᠰᠢᠭᠤ ᠰᠢᠶᠡᠨ ᠬᠤᠳᠠ ( ᠤᠷᠤᠨ) ᠵᠢᠨᠰᠤᠷᠤᠯᠭᠠ ᠶᠢᠨ ᠳᠡᠳᠬᠦᠮᠵᠢ | ᠵᠢᠨᠠᠵᠢᠯ ᠤᠨ ᠤᠳᠤᠷᠢᠳᠬᠤ ᠳᠤᠭᠤᠢᠢᠯᠠᠩ ᠨᠢ ᠳᠤᠰ ᠭᠠᠵᠠᠷ ᠤᠷᠤᠨ ᠤ ᠰᠤᠮᠤ ᠰᠢᠶᠠᠩ ᠪᠠᠯᠭᠠᠰᠤ ᠂ | ᠬᠤᠯᠪᠤᠭᠳᠠᠯ ᠪᠥᠬᠦᠢ ᠰᠠᠯᠠᠭ᠎ᠠ ᠮᠥᠴᠢᠷ ᠂ ᠬᠠᠷᠢᠶ᠎ᠠ ᠰᠤᠷᠭᠠᠭᠤᠯᠢ ᠳᠤ ᠬᠢᠨᠠᠯᠳᠠ ᠳᠠᠯᠪᠢᠨ ᠪᠠᠶᠢᠴᠠᠭᠠᠬᠤ ᠶᠢ | ᠬᠠᠷᠢᠭᠤᠴᠠᠨ᠎ᠠ ᠃ ᠠᠶᠢᠮᠠᠭ ᠂ ᠬᠤᠰᠢᠭᠤ ᠰᠢᠶᠡᠨ ᠬᠤᠳᠠ ( ᠤᠷᠤᠨ ) ᠬᠤᠶᠠᠷ ᠱᠠᠳᠤᠨ ᠤ ᠰᠤᠷᠤᠯᠭ᠎ᠠ ᠶᠢᠨ | ᠳᠡᠳᠬᠦᠮᠵᠢ ᠶᠢᠨ ᠬᠠᠮᠢᠶᠠᠷᠤᠯᠳᠠ ᠶᠢᠨ ᠳᠥᠪ ᠲᠤ ᠢᠯᠡᠴᠢᠯᠡᠨ ᠮᠡᠳᠡᠭᠦᠯᠬᠦ ᠬᠠᠶᠢᠷᠴᠠᠭ ᠭᠠᠷᠭᠠᠵᠤ᠂ ᠢᠯᠡᠴᠢᠯᠡᠨ | ᠮᠡᠳᠡᠭᠦᠯᠬᠦ ᠤᠳᠠᠰᠤ ᠶᠢ ᠨᠡᠶᠢᠳᠡᠯᠡᠨ᠎ᠡ ᠃ ᠬᠢᠨᠠᠨ ᠪᠤᠳᠤᠬᠤ ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠬᠢᠨᠠᠨ | ᠪᠤᠳᠤᠬᠤ ᠬᠢᠨᠠᠨ ᠪᠠᠶᠢᠴᠠᠭᠠᠬᠤ ᠠᠵᠢᠯ ᠢ ᠳᠤᠭᠳᠠᠮᠠᠯ ᠬᠤᠭᠤᠴᠠᠭ᠎ᠠ ᠲᠠᠢ ᠪᠠᠷ ᠥᠷᠨᠢᠭᠦᠯᠥᠨᠠ ᠃ ᠭᠠᠵᠠᠷ ᠤᠷᠤᠨ ᠤ | ᠡᠬᠦᠷᠬᠡᠯᠡᠬᠦ ᠳᠥᠬᠦᠷ ᠪᠡᠯᠡ ᠮᠥᠩᠬᠦ ᠶᠢ ᠴᠠᠭ ᠳᠤᠬᠠᠢ ᠳᠤᠨᠢ ᠭᠠᠷᠭᠠᠭᠰᠠᠨ ᠥᠭᠡᠢ ᠬᠤᠰᠢᠭᠤ ᠰᠢᠶᠡᠨ ᠬᠤᠳᠠ ( | ᠤᠷᠤᠨ ) ᠢ ᠱᠠᠯᠠᠪᠳᠠᠭᠤᠯᠤᠨ ᠳᠤᠭᠳᠠᠭᠰᠠᠨ ᠬᠤᠭᠤᠴᠠᠭᠠᠨ ᠳᠤ ᠭᠠᠷᠭᠠᠯᠭᠠᠵᠤ ᠂ ᠳᠤᠭᠳᠠᠭᠰᠠᠨ ᠬᠤᠭᠤᠴᠠᠭᠠᠨ | ᠳᠤ ᠮᠥᠨ ᠯᠡ ᠭᠠᠷᠭᠠᠭᠰᠠᠨ ᠥᠭᠡᠢ ᠬᠤᠰᠢᠭᠤ ᠰᠢᠶᠠᠨ ᠬᠤᠳᠡ ᠠᠴᠠ ᠠᠶᠢᠮᠠᠭ ᠤᠨ ᠬᠢᠨᠠᠨ ᠪᠠᠶᠢᠴᠠᠭᠠᠬᠤ | ᠳᠤᠪᠴᠢᠶ᠎ᠡ ᠬᠠᠷᠢᠭᠤᠴᠠᠯᠭ᠎ᠠ ᠨᠡᠬᠡᠮᠵᠢᠯᠡᠨ᠎ᠡ ᠃ | ᠠᠷᠪᠠᠨ ᠵᠢᠷᠭᠤᠳᠤᠭᠠᠷ ᠵᠤᠷᠪᠤᠰ ᠰᠤᠷᠭᠠᠨ ᠬᠥᠮᠥᠵᠢᠯ ᠤᠨ ᠰᠥᠢᠳᠬᠡᠯ ᠬᠡᠯᠳᠥᠷᠢᠬᠦᠯᠬᠦ ᠪᠡᠯᠡ ᠮᠥᠩᠬᠦ ᠶᠢ | ᠡᠷᠡᠮᠡᠯᠵᠡᠯᠡᠨ ᠮᠡᠳᠡᠭᠦᠯᠬᠦ ᠂ ᠬᠢᠨᠠᠨ ᠬᠠᠷᠭᠤᠭᠤᠯᠬᠤ ᠂ ᠳᠠᠷᠬᠠᠭᠠᠨ ᠥᠭᠬᠦ ᠵᠡᠷᠬᠡ ᠶᠠᠪᠤᠴᠠ ᠳᠤ ᠬᠤᠳᠠᠯ ᠬᠠᠭᠤᠷᠮᠠᠭ | ᠢᠶᠠᠷ ᠵᠤᠬᠢᠶᠠᠭᠰᠠᠨ ᠂ ᠡᠵᠡᠯᠡᠨ ᠬᠡᠷᠡᠭᠯᠡᠭᠰᠡᠨ ᠂ ᠰᠠᠭᠤᠯᠭᠠᠨ ᠠᠪᠤᠭᠰᠠᠨ ᠨᠢᠭᠡᠴᠡ ᠪᠤᠯᠤᠨ ᠬᠤᠪᠢ ᠬᠥᠮᠥᠨ ᠢ | ᠬᠤᠯᠪᠤᠭᠳᠠᠯ ᠪᠥᠬᠦᠢ ᠳᠤᠭᠳᠠᠭᠠᠯ ᠶᠤᠰᠤᠭᠠᠷ ᠴᠢᠩᠭ᠎ᠠ ᠪᠠᠶᠢᠴᠠᠭᠠᠨ ᠰᠢᠳᠬᠡᠨ᠎ᠠ ᠃ ᠰᠤᠷᠤᠯᠭ᠎ᠠ ᠶᠢᠨ ᠳᠡᠳᠬᠦᠮᠵᠢ | ᠤᠯᠭᠤᠬᠤ ᠨᠥᠬᠦᠴᠡᠯ ᠳᠤ ᠳᠤᠬᠢᠷᠠᠬᠤ ᠥᠭᠡᠢ ᠰᠤᠷᠤᠭᠴᠢ ᠶᠢ ᠪᠤᠯ ᠂ ᠳᠡᠳᠬᠦᠮᠵᠢ ᠬᠥᠷᠳᠡᠬᠦ ᠬᠢᠷᠢ ᠬᠡᠮ ᠢ ᠨᠢ | ᠬᠠᠰᠤᠵᠤ ᠂ ᠵᠤᠬᠢᠬᠤ ᠬᠡᠪᠴᠢᠶᠠᠨ ᠳᠤᠳᠤᠷ᠎ᠡ ᠰᠢᠬᠦᠮᠵᠢᠯᠡᠨ ᠰᠤᠷᠭᠠᠨ᠎ᠠ ᠃ | ᠠᠷᠪᠠᠨ ᠳᠤᠯᠤᠳᠤᠭᠠᠷ ᠵᠤᠷᠪᠤᠰ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ | ᠰᠤᠷᠭᠠᠭᠤᠯᠢ ᠶᠢᠨ ᠬᠠᠷᠢᠶᠡᠯᠡᠯ ᠤᠨ ᠬᠠᠮᠢᠶᠠᠷᠤᠯᠳᠠ ᠶᠢᠨ ᠳᠤᠭᠳᠠᠭᠠᠯ ᠢ ᠴᠢᠩᠭ᠎ᠠ ᠬᠡᠷᠡᠭᠵᠢᠭᠦᠯᠵᠤ ᠂ ᠰᠤᠷᠭᠠᠭᠤᠯᠢ | ᠶᠢᠨ ᠳᠤᠭᠳᠠᠭᠠᠯ ᠢ ᠵᠥᠷᠢᠴᠡᠨ ᠡᠯᠰᠡᠭᠰᠡᠨ ᠰᠤᠷᠤᠭᠴᠢ ᠶᠢᠨ ᠰᠤᠷᠭᠠᠭᠤᠯᠢ ᠶᠢᠨ ᠬᠠᠷᠢᠶᠠᠯᠠᠯ ᠢ ᠳᠠᠩᠰᠠᠯᠠᠭᠤᠯᠬᠤ | ᠥᠭᠡᠢ ᠮᠥᠷᠳᠡᠭᠡᠨ ᠰᠤᠷᠤᠯᠭ᠎ᠠ ᠶᠢᠨ ᠳᠡᠳᠬᠦᠮᠵᠢ ᠶᠢᠨ ᠲᠥᠷᠥ ᠶᠢᠨ ᠪᠤᠳᠤᠯᠭ᠎ᠠ ᠶᠢ ᠬᠥᠷᠳᠡᠬᠡᠬᠦ ᠥᠭᠡᠢ ᠃ | ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠡᠯ᠎ᠡ ᠵᠥᠢᠯ ᠤᠨ ᠰᠥᠢᠳᠬᠡᠯ ᠬᠤᠷᠢᠶᠠᠬᠤ ᠪᠠᠷᠢᠮᠵᠢᠶ᠎ᠠ ᠶᠢ | ᠡᠷᠡᠰ ᠬᠡᠷᠡᠭᠵᠢᠭᠦᠯᠵᠤ ᠂ ᠵᠥᠪᠰᠢᠶᠡᠷᠡᠬᠦᠯᠥᠭᠰᠡᠨ ᠥᠭᠡᠢ ᠪᠤᠯ ᠂ ᠶᠠᠮᠠᠷᠪᠠ ᠭᠠᠵᠠᠷ ᠤᠷᠤᠨ ᠪᠤᠯᠤᠨ ᠰᠤᠷᠭᠠᠭᠤᠯᠢ ᠨᠢ | ᠰᠥᠢᠳᠬᠡᠯ ᠬᠤᠷᠢᠶᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠬᠦᠯᠵᠤ ᠪᠤᠯᠬᠤ ᠥᠭᠡᠢ᠃ | ᠵᠢᠷᠭᠤᠳᠤᠭᠠᠷ ᠪᠥᠯᠥᠭ ᠳᠠᠭᠠᠯᠳᠠ ᠳᠥᠷᠢᠮ | ᠠᠷᠪᠠᠨ ᠨᠠᠢᠮᠠᠳᠤᠭᠠᠷ ᠵᠤᠷᠪᠤᠰ ᠳᠤᠰ ᠠᠷᠭ᠎ᠠ ᠶᠢ ᠠᠶᠢᠮᠠᠭ ᠤᠨ ᠰᠤᠷᠭᠠᠨ ᠬᠥᠮᠥᠵᠢᠯ ᠤᠨ ᠳᠤᠪᠴᠢᠶ᠎ᠠ ᠂ | ᠡᠳ᠋ ᠤᠨ ᠵᠠᠰᠠᠭ ᠤᠨ ᠳᠤᠪᠴᠢᠶ᠎ᠠ ᠬᠠᠷᠢᠭᠤᠴᠠᠨ ᠳᠠᠶᠢᠯᠪᠤᠷᠢᠯᠠᠨ᠎ᠠ ᠃ | ᠠᠷᠪᠠ ᠶᠢᠰᠥᠳᠥᠭᠡᠷ ᠵᠤᠷᠪᠤᠰ ᠳᠤᠰ ᠠᠷᠭ᠎ᠠ ᠶᠢ 2 0 1 1 ᠤᠨ ᠤ ᠬᠠᠪᠤᠷ ᠤᠨ ᠰᠤᠷᠤᠯᠭ᠎ᠠ ᠶᠢᠨ | ᠬᠤᠭᠤᠴᠠᠭ᠎ᠠ ᠠᠴᠠ ᠡᠬᠢᠯᠡᠵᠤ ᠬᠡᠷᠡᠭᠵᠢᠭᠦᠯᠥᠨ᠎ᠠ ᠂ ᠡᠬᠦᠨ ᠳᠤ ᠄ ᠡᠩ ᠤᠨ ᠦᠨᠳᠦᠷ ᠵᠡᠷᠬᠡ ᠶᠢᠨ ᠳᠤᠮᠳᠠᠳᠤ | ᠰᠤᠷᠭᠠᠭᠤᠯᠢ ᠨᠢ 2 0 1 1 ᠤᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠬᠢᠴᠢᠶᠡᠯ ᠤᠨ | ᠪᠢᠴᠢᠭ ᠤᠨ ᠰᠥᠢᠳᠬᠡᠯ ᠢ ᠬᠡᠯᠳᠥᠷᠢᠭᠦᠯᠵᠤ ᠂ ᠳᠤᠮᠳᠠᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠨᠢ 2 | 0 1 1 ᠤᠨ ᠤ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠠᠨ ᠬᠢᠴᠢᠶᠡᠯ ᠤᠨ ᠳᠡᠪᠳᠡᠷ ᠤᠨ | ᠰᠥᠢᠳᠬᠡᠯ ᠢ ᠬᠡᠯᠳᠥᠷᠢᠭᠦᠯᠤᠨᠠ᠃︽ᠰᠢᠯᠢ ᠶᠢᠨ ᠭᠤᠤᠯ ᠠᠶᠢᠮᠠᠭ ᠤᠨ ᠦᠨᠳᠦᠷ ᠵᠡᠷᠬᠡ ᠶᠢᠨ ᠳᠤᠮᠳᠠᠳᠤ | ᠰᠤᠷᠭᠠᠭᠤᠯᠢ ᠶᠢᠨ ᠱᠠᠳᠤᠨ ᠤ ᠰᠤᠷᠭᠠᠨ ᠬᠥᠮᠥᠵᠢᠯ ᠤᠨ ᠳᠡᠳᠬᠦᠮᠵᠢ ᠶᠢᠨ ᠬᠠᠮᠢᠶᠠᠷᠤᠯᠳᠠ ᠶᠢᠨ ᠠᠷᠭ᠎ᠠ︾( | ᠰᠢᠯᠢ ᠵᠠᠬᠢᠷᠭ᠎ᠠ ᠳᠠᠷᠬᠠᠭᠠᠭᠰᠠᠨ [ 2 0 0 9 ] 1 0 6 ᠳ᠋ᠤᠭᠠᠷ ᠳᠤᠭᠠᠳᠤ ) ᠶᠢ ᠵᠡᠷᠬᠡ ᠳᠤᠨᠢ ᠬᠥᠴᠥᠨ | ᠥᠭᠡᠢ ᠪᠤᠯᠭᠠᠨ᠎ᠠ ᠃ | ᠬᠤᠷᠢᠳᠤᠭᠠᠷ ᠵᠤᠷᠪᠤᠰ ︽ᠰᠢᠯᠢ ᠶᠢᠨ ᠭᠤᠤᠯ ᠠᠶᠢᠮᠠᠭ ᠤᠨ ᠮᠤᠩᠭᠤᠯ ᠢᠶᠠᠷ ᠬᠢᠴᠢᠶᠡᠯᠯᠡᠵᠤ ᠪᠠᠶᠢᠭ᠎ᠠ | ᠰᠤᠷᠬᠤ ᠨᠠᠰᠤᠨ ᠠᠴᠠ ᠡᠮᠤᠨᠡᠬᠢ ᠰᠤᠷᠭᠠᠨ ᠬᠥᠮᠥᠵᠢᠯ ᠂ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ | ᠶᠢᠨ ᠱᠠᠳᠤᠨ ᠳᠤ ᠰᠥᠢᠳᠬᠡᠯ ᠬᠤᠷᠢᠶᠠᠬᠤ ᠥᠭᠡᠢ ᠪᠠᠷ ᠰᠤᠷᠭᠠᠨ ᠬᠥᠮᠥᠵᠢᠯ ᠬᠥᠷᠳᠡᠭᠡᠬᠦ ᠬᠡᠷᠡᠭᠵᠢᠭᠦᠯᠥᠯᠳᠡ ᠶᠢᠨ | ᠠᠷᠭ᠎ᠠ︾( ᠰᠢᠯᠢ ᠵᠠᠬᠢᠷᠭ᠎ᠠ ᠠᠯᠪᠠᠨ ᠳᠠᠷᠬᠠᠭᠠᠭᠰᠠᠨ [ 2 0 1 0 ] 1 2 8 ᠳ᠋ᠤᠭᠠᠷ ᠳᠤᠭᠠᠳᠤ ) ᠳᠤ | ᠳᠤᠭᠳᠠᠭᠠᠭᠰᠠᠨ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ | ᠱᠠᠳᠤᠨ ᠳᠤ ᠰᠥᠢᠳᠬᠡᠯ ᠬᠤᠷᠢᠶᠠᠬᠤ ᠥᠭᠡᠢ ᠪᠠᠷ ᠰᠤᠷᠭᠠᠨ ᠬᠥᠮᠥᠵᠢᠯ ᠬᠥᠷᠳᠡᠭᠡᠬᠦ ᠶᠢ ᠪᠤᠯ ᠳᠤᠰ ᠠᠷᠭ᠎ᠠ | ᠶᠤᠰᠤᠭᠠᠷ ᠬᠡᠷᠡᠭᠵᠢᠭᠦᠯᠥᠨ᠎ᠠ ᠃ | | | ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ︽ᠭᠤᠷᠪᠠ ᠶᠢ ᠬᠡᠯᠳᠥᠷᠢᠭᠦᠯᠬᠦ ᠨᠢᠭᠡ ᠶᠢ | ᠨᠥᠬᠦᠪᠤᠷᠢᠯᠡᠬᠦ︾ ᠲᠠᠯᠪᠤᠷᠢᠯᠠᠯ᠄ | ᠨᠥᠬᠦᠴᠡᠯ ᠳᠤᠬᠢᠷᠠᠭᠰᠠᠨ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ | ᠶᠢᠨ ᠰᠤᠷᠤᠯᠭ᠎ᠠ ᠶᠢᠨ ᠰᠥᠢᠳᠬᠡᠯ ᠢ ᠬᠡᠯᠳᠥᠷᠢᠬᠦᠯᠵᠤ ᠂ ᠬᠢᠴᠢᠶᠡᠯ ᠤᠨ ᠳᠠᠪᠳᠠᠷ ᠢ ᠰᠥᠢᠳᠬᠡᠯ ᠬᠤᠷᠢᠶᠠᠬᠤ ᠥᠭᠡᠢ | ᠪᠠᠷ ᠬᠠᠩᠭᠠᠵᠤ ᠂ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠶᠢᠨ ᠪᠠᠶᠢᠷᠢ ᠶᠢᠨ ᠰᠥᠢᠳᠬᠡᠯ ᠢ ᠬᠡᠯᠳᠥᠷᠢᠭᠦᠯᠵᠤ | ᠂ ᠭᠡᠷ ᠪᠥᠯᠢ ᠶᠢᠨ ᠠᠵᠤ ᠠᠬᠤᠢ ᠨᠢ ᠤᠨᠴᠠ ᠬᠥᠴᠢᠷᠳᠡᠯᠳᠡᠢ ᠰᠤᠷᠤᠭᠴᠢ ᠪᠤᠯᠭᠠᠨ ᠳᠤ ᠵᠢᠯ ᠪᠥᠷᠢ 1 5 0 0 | ᠳᠥᠭᠦᠷᠢᠭ ᠤᠨ ᠠᠮᠢᠳᠤᠷᠠᠯ ᠤᠨ ᠰᠥᠢᠳᠬᠡᠯ ᠨᠥᠬᠦᠪᠤᠷᠢᠯᠠᠨ᠎ᠠ ( ᠤᠯᠤᠰ ᠤᠨ ᠰᠤᠷᠤᠯᠭ᠎ᠠ ᠶᠢᠨ ᠳᠡᠳᠬᠦᠮᠵᠢ | ᠵᠢᠨᠮᠥ᠋ᠩᠬᠦ ) ᠃ | ᠨᠥᠬᠦᠴᠡᠯ ᠳᠤ ᠳᠤᠬᠢᠷᠠᠭᠰᠠᠨ ᠳᠤᠮᠳᠠ ᠵᠡᠷᠬᠡ ᠶᠢᠨ ᠠᠵᠢᠯ ᠮᠡᠷᠭᠡᠵᠢᠯ ᠤᠨ ᠰᠤᠷᠤᠭᠴᠢ ᠶᠢᠨ ᠰᠤᠷᠤᠯᠭ᠎ᠠ | ᠶᠢᠨ ᠰᠥᠢᠳᠬᠡᠯ ᠢ ᠬᠡᠯᠳᠥᠷᠢᠬᠦᠯᠵᠤ ᠂ ᠬᠢᠴᠢᠶᠡᠯ ᠤᠨ ᠳᠠᠪᠳᠠᠷ ᠢ ᠰᠥᠢᠳᠬᠡᠯ ᠬᠤᠷᠢᠶᠠᠬᠤ ᠥᠭᠡᠢ ᠪᠠᠷ ᠬᠠᠩᠭᠠᠵᠤ ᠂ | ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠶᠢᠨ ᠪᠠᠶᠢᠷᠢ ᠶᠢᠨ ᠰᠥᠢᠳᠬᠡᠯ ᠢ ᠬᠡᠯᠳᠥᠷᠢᠭᠦᠯᠵᠤ ᠂ ᠦᠨᠳᠦᠷ | ᠵᠡᠷᠬᠡ ᠶᠢᠨ ᠨᠢᠭᠡ ᠬᠤᠶᠠᠳᠤᠭᠠᠷ ᠤᠨ ᠤ ᠰᠤᠷᠤᠭᠴᠢ ᠪᠤᠯᠭᠠᠨ ᠳᠤ ᠵᠢᠯ ᠪᠥᠷᠢ 1 5 0 0 ᠳᠥᠭᠦᠷᠢᠭ ᠤᠨ | ᠠᠮᠢᠳᠤᠷᠠᠯ ᠤᠨ ᠰᠥᠢᠳᠬᠡᠯ ᠨᠥᠬᠦᠪᠤᠷᠢᠯᠠᠨ᠎ᠠ ᠃ ( ᠤᠯᠤᠰ ᠤᠨ ᠰᠤᠷᠤᠯᠭ᠎ᠠ ᠶᠢᠨ ᠳᠡᠳᠬᠦᠮᠵᠢ ᠶᠢᠨ ᠮᠥᠩᠬᠦ )︔ | ᠦᠨᠳᠦᠷ ᠵᠡᠷᠬᠡ ᠶᠢᠨ ᠭᠤᠷᠪᠠᠳᠤᠭᠠᠷ ᠤᠨ ᠤ ᠰᠢᠯᠢ ᠶᠢᠨ ᠭᠤᠤᠯ ᠠᠶᠢᠮᠠᠭ ᠤᠨᠡᠷᠥᠬᠡ ᠠᠮᠠ ᠶᠢᠨ ᠳᠠᠩᠰᠠ ᠲᠠᠢ | ᠰᠤᠷᠤᠭᠴᠢ ᠪᠤᠯᠭᠠᠨ ᠳᠤ ᠵᠢᠯ ᠪᠥᠷᠢ 1 0 0 0 ᠳᠥᠭᠦᠷᠢᠭ ᠤᠨ ᠠᠮᠢᠳᠤᠷᠠᠯ ᠤᠨ ᠰᠥᠢᠳᠬᠡᠯ ᠨᠥᠬᠦᠪᠤᠷᠢᠯᠡᠨ᠎ᠠ | (ᠭᠠᠵᠠᠷ ᠤᠷᠤᠨ ᠤ ᠰᠤᠷᠤᠯᠭ᠎ᠠ ᠶᠢᠨ ᠳᠡᠳᠬᠦᠮᠵᠢ ᠶᠢᠨ ᠮᠥᠩᠬᠦ ) ᠃ |