ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠪᠤᠯ ᠠᠭᠤᠤ ᠶᠡᠭᠡ ᠡᠬᠡ ᠤᠯᠤᠰ | ᠲᠠᠢ ᠪᠠᠨ ᠨᠠᠰᠤ ᠰᠠᠴᠠᠭᠤ᠂ ᠦᠨᠢ ᠤᠳᠠᠭᠠᠨ ᠵᠢᠯ ᠤᠨ ᠲᠡᠤᠬᠡ ᠲᠠᠢ ᠭᠠᠪᠢᠶᠠᠳᠤ ᠰᠤᠷᠭᠠᠭᠤᠯᠢ ᠶᠤᠮ᠃ ᠲᠤᠰ | ᠰᠤᠷᠭᠠᠭᠤᠯᠢ ᠨᠢ ᠬᠠᠮᠤᠭ ᠠᠩᠬ᠎ᠠ ᠡᠷᠳᠡᠨᠢ ᠤᠪᠤᠭᠠᠨ ᠤ ᠡᠩᠬᠡᠷ ᠲᠠᠬᠢ᠂ ᠪᠠᠶᠢᠰᠠ ᠶᠢᠨ ᠰᠦᠮ᠎ᠡ ᠶᠢᠨ ᠡᠷᠢᠶᠡᠳᠤ | ᠯᠠᠮᠠᠬᠠᠢ ᠶᠢᠨ ᠭᠤᠤᠯ ᠲᠤᠭᠠᠩ ᠳᠤ ᠠᠩᠬ᠎ᠠ ᠮᠡᠨᠳᠦᠯᠡᠭᠰᠡᠨ ᠠᠴᠠ ᠨᠠᠭᠠᠰᠢ ᠤᠷᠢᠳ ᠬᠤᠵᠢᠳ ᠤᠷᠤᠨ ᠠᠶᠢᠮᠠᠭ ᠤᠨ | ᠤᠳᠤᠷᠢᠳᠤᠯᠭ᠎ᠠ ᠶᠢᠨ ᠪᠠᠶᠢᠷᠢ ᠳᠤ ᠬᠢᠯᠡᠷᠠᠭᠤᠯᠵᠤ ᠶᠠᠪᠤᠭᠰᠠᠨ ᠵᠠᠶᠠᠭᠠᠲᠠᠢ᠂ ᠰᠠᠶᠢᠨᠵᠠᠶᠠᠭ᠎ᠠ᠂ ᠬᠡᠷᠡᠯᠳᠤ᠂ ᠲᠤᠷᠵᠢᠫᠠᠯᠮᠠ | ᠵᠡᠷᠬᠡ ᠲᠡᠤᠬᠡᠳᠤ ᠬᠦᠮᠦᠰ ᠤᠨ ᠵᠢᠯᠤᠭᠤᠳᠤᠯᠭ᠎ᠠ ᠵᠢᠴᠢ ᠦᠶ᠎ᠡ ᠦᠶ᠎ᠡ ᠶᠢᠨ ᠤᠳᠤᠷᠢᠳᠤᠯᠭ᠎ᠠ ᠨᠠᠷ ᠠᠷᠢᠭᠤᠠ | ᠬᠥᠳᠡᠯᠮᠤᠷᠢ᠂ ᠤᠢ ᠪᠢᠯᠢᠭ ᠲᠤ ᠪᠦᠪᠡᠶᠢᠯᠡᠡᠳᠡᠡ᠂ ︽ᠠᠯᠳᠠᠨ ᠲᠠᠬᠢᠶ᠎ᠠ ᠱᠠᠩᠨᠠᠯ︾ ᠤᠨ ᠺᠢᠨᠤ᠋ ᠲᠤᠭᠯᠠᠭᠴᠢ | ᠨᠠᠷᠠᠩᠬᠤᠸᠠᠷ᠂ ᠠᠯᠳᠠᠷᠳᠤ ᠵᠠᠯᠠᠭᠤ ᠲᠠᠭᠤᠴᠢᠨ ᠰᠡᠴᠡᠩᠬᠡᠷᠠᠯ ᠪᠠ ᠪᠤᠰᠤᠳ ᠡᠳᠦᠢ ᠲᠡᠳᠦᠢ ᠴᠢᠳᠠᠪᠦᠷᠢᠳᠠᠨ᠂ | ᠵᠢᠳᠬᠦᠯᠳᠠᠳ ᠢ ᠬᠦᠮᠦᠵᠢᠬᠦᠯᠵᠤ ᠭᠠᠷᠭᠠᠭᠰᠠᠠ ᠤᠮᠤᠭᠰᠢᠯᠳᠤ ᠲᠡᠤᠬᠡ ᠲᠠᠢ ᠪᠢᠯᠡ᠃ ᠠᠪᠤᠷᠭᠤ ᠲᠠᠭᠤᠴᠢᠨ ᠯᠾᠠᠵᠠᠪ | ᠭᠤᠸᠠᠢ ᠴᠤ ᠳᠤᠰ ᠰᠤᠷᠭᠠᠭᠤᠯᠢ ᠳᠤ ᠪᠠᠭᠰᠢᠯᠡᠵᠤ ᠦᠩᠭᠡᠷᠡᠭᠰᠡᠡ ᠳᠡᠤᠭᠡ ᠲᠠᠢ ᠪᠦᠭᠡᠳ ᠡᠨ᠋ᠨ ᠪᠦᠬᠦᠠ ᠨᠢ ᠵᠠᠯᠠᠭᠤ | ᠦᠶ᠎ᠡ ᠶᠢᠨ ᠬᠢᠨ ᠳᠤ ᠪᠠᠨ ᠨᠢᠭᠡ ᠶᠤᠰᠤᠨ ᠤ ᠤᠮᠤᠭᠰᠢᠯ ᠵᠤᠷᠢᠭᠵᠢᠯ ᠪᠤᠯᠳᠠᠭ ᠪᠢᠯᠠ᠃ | ᠤᠳᠤ ᠳᠤᠰ ᠰᠤᠷᠭᠠᠭᠤᠯᠢ ᠶᠢᠨ ᠶᠡᠷᠦᠩᠬᠡᠢ ᠲᠠᠯᠠᠪᠠᠢ ᠨᠢ 28651 ᠬᠠᠪᠳᠠᠭᠠᠢ ᠳᠦᠷᠪᠡᠯᠵᠢᠠ ᠮᠧᠲᠷ᠂ | ᠪᠠᠷᠢᠯᠭ᠎ᠠ ᠶᠢᠨ ᠲᠠᠯᠠᠪᠠᠢ ᠨᠢ13197 ᠬᠠᠪᠳᠠᠭᠠᠢ ᠳᠦᠷᠪᠡᠯᠵᠢᠠ ᠮᠧᠲᠷ᠂ ᠨᠤᠭᠤᠷᠠᠭᠤᠯᠤᠯᠳᠠᠶᠢᠨᠲ᠋ᠠᠯᠠᠪᠠᠢ | ᠨᠢ7350 ᠬᠠᠪᠨᠳᠠᠭᠠᠢ ᠳᠦᠷᠪᠡᠯᠵᠢᠠᠮᠧᠲᠷ᠂ ᠬᠠᠳᠠᠭᠤᠷᠤᠯᠤᠯᠳᠠ ᠶᠢᠨ ᠲᠠᠯᠠᠪᠠᠢ ᠨᠢ7939 ᠬᠠᠪᠳᠠᠭᠠᠢ | ᠳᠦᠷᠪᠡᠯᠵᠢᠠ ᠮᠧᠲᠷ ᠪᠤᠢ᠃ 2008 ᠤᠨ ᠠᠴᠠ2014 ᠤᠨ ᠪᠤᠯᠳᠠᠯ᠎ᠠ ᠵᠠᠰᠠᠭ ᠤᠨ ᠤᠷᠳᠤᠨ ᠠᠴᠠ3206 | ᠲᠦᠮᠡᠨ ᠲᠦᠬᠦᠷᠢᠭ ᠵᠠᠷᠤᠴᠠᠭᠤᠯᠵᠤ ᠤᠤᠯ ᠤᠨ ᠰᠤᠷᠭᠠᠭᠤᠯᠢ ᠶᠢᠨ ᠬᠦᠷᠢᠶᠡᠨ ᠳᠤ ᠰᠢᠨ᠎ᠡ ᠪᠠᠷ ᠵᠢᠭᠠᠨ ᠰᠤᠷᠭᠠᠬᠤ | ᠠᠰᠠᠷ᠂ ᠶᠡᠷᠦᠩᠬᠡᠶᠢᠯᠡᠭᠰᠡᠨ ᠠᠰᠠᠷ᠂ ᠪᠠᠶᠢᠷᠢ ᠶᠢᠨ ᠠᠰᠠᠷ᠂ ᠲᠠᠮᠢᠷ ᠤᠨ ᠤᠷᠳᠤᠨ᠂ ᠲᠠᠮᠢᠷ ᠤᠨ ᠲᠠᠯᠠᠪᠠᠢ | ᠪᠠᠶᠢᠭᠤᠯᠵᠤ ᠦᠭᠬᠦᠭᠰᠡᠡ ᠠᠴᠠ ᠪᠠᠭᠰᠢ ᠰᠤᠷᠤᠭᠴᠢᠳ ᠤᠨ ᠠᠵᠢᠯᠯᠠᠵᠤ ᠰᠤᠷᠤᠯᠴᠠᠬᠤ ᠨᠦᠬᠦᠴᠡᠯ ᠤᠷᠢᠳ ᠭᠠᠷᠤᠭ᠎ᠠ | ᠦᠭᠡᠢ ᠰᠠᠶᠢᠵᠢᠷᠠᠪᠠ᠃ ᠰᠤᠷᠭᠠᠭᠤᠯᠢ ᠶᠢᠨ ᠵᠢᠭᠠᠨ ᠰᠤᠷᠭᠠᠬᠤ ᠲᠤᠨᠤᠭ ᠲᠦᠬᠦᠬᠡᠷᠦᠮᠵᠢ ᠨᠢ ᠴᠦᠮ ᠦᠪᠡᠷᠳᠡᠬᠡᠨ | ᠵᠠᠰᠠᠬᠤ ᠤᠷᠤᠨ ᠤΙᠳᠡᠰ ᠤᠨ ᠪᠠᠷᠢᠮᠵᠢᠶᠠᠨ ᠳᠤ ᠬᠦᠷᠪᠡ᠃ ᠰᠤᠷᠭᠠᠭᠤᠯᠢ ᠨᠢ ᠤᠳᠤ 24 ᠵᠢᠭᠠᠨ ᠰᠤᠷᠭᠠᠯᠳᠠ | ᠶᠢᠨ ᠠᠩᠬᠢ᠂ 982 ᠨᠡᠷ᠎ᠡ ᠰᠤᠷᠤᠭᠴᠢ ᠲᠠᠢ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠠᠵᠢᠯᠳᠠᠨ 92 ᠨᠡᠷ᠎ᠡ | ᠪᠠᠶᠢᠵᠤ᠂ ᠪᠦᠬᠦ ᠬᠢᠴᠢᠶᠠᠯ ᠢ ᠴᠦᠮ ᠴᠤᠯ ᠮᠤᠩᠭᠤᠯ ᠬᠡᠯᠡ ᠪᠠᠷ ᠬᠢᠴᠢᠶᠡᠯᠯᠡᠵᠤ᠂ ᠬᠡᠪ ᠴᠢᠨᠡᠷ ᠤᠨ ᠰᠤᠷᠭᠠᠨ | ᠬᠦᠮᠦᠵᠢᠯ ᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠢᠴᠢᠶᠡᠯᠯᠡᠭᠡ ᠶᠢᠨ ᠦᠬᠡᠷᠡᠴᠢᠯᠡᠯᠳᠡ ᠶᠢ ᠡᠷᠴᠢᠮᠲᠠᠢ | ᠶᠠᠪᠤᠭᠳᠠᠭᠤᠯᠵᠤ ᠪᠤᠢ᠃ ᠤᠳᠤ ᠲᠤᠰᠬᠠᠢ ᠬᠢᠴᠢᠶᠡᠯᠯᠡᠭᠴᠢ ᠪᠠᠭᠰᠢ 81 ᠨᠠᠷᠠ ᠪᠠᠶᠢᠵᠤ᠂ ᠰᠤᠷᠤᠯᠭ᠎ᠠ ᠶᠢᠨ ᠨᠠᠮᠳᠠᠷ | ᠤᠨ ᠬᠢᠷᠢ ᠲᠡᠩᠴᠡᠯᠳᠠ ᠶᠢᠨ ᠤᠷᠮ᠎ᠠ100% ᠳᠤ ᠬᠦᠷᠴᠠᠢ᠃ ᠲᠤᠰᠬᠠᠢ ᠬᠢᠴᠢᠶᠡᠯᠯᠡᠭᠴᠢ ᠪᠠᠭᠰᠢ ᠶᠢᠨ ᠲᠤᠳᠤᠷ᠎ᠠ | ᠤᠯᠤᠰ ᠤᠨ ᠲᠡᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠬᠦᠳᠡᠯᠮᠦᠷᠢ ᠶᠢᠨ ᠵᠢᠱᠢᠶᠡᠴᠢ ᠪᠤᠯᠤᠨ ᠰᠢᠯᠢᠳᠡᠭ | ᠪᠠᠭᠰᠢ 3 ᠨᠠᠷᠠ᠂ ᠤᠷᠤᠨ ᠤ ᠲᠡᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠬᠦᠳᠡᠯᠮᠦᠷᠢ ᠶᠢᠨ ᠵᠢᠱᠢᠶᠡᠴᠢ | ᠪᠤᠯᠤᠨ ᠰᠢᠯᠢᠳᠡᠭ ᠪᠠᠭᠰᠢ 3᠂ ᠤᠷᠤᠨ ᠤ ᠲᠡᠰ ᠤᠨ ᠬᠢᠴᠢᠶᠡᠯ ᠲᠦᠷᠦᠯ ᠤᠨ ᠲᠠᠭᠠᠭᠤᠯᠤᠭᠴᠢ1 ᠨᠡᠷ᠎ᠡ᠂ ᠠᠶᠢᠮᠠᠭ | ᠤᠨ ᠲᠡᠰ ᠤᠨ ᠬᠢᠴᠢᠶᠡᠯ ᠲᠦᠷᠦᠯ ᠤᠨ ᠲᠠᠭᠠᠭᠤᠯᠤᠭᠴᠢ 4 ᠨᠠᠷᠠ᠂ ᠤᠷᠤᠨ ᠤ ᠲᠡᠰ ᠤᠨ ᠵᠢᠭᠠᠨ ᠰᠤᠷᠭᠠᠬᠤ | ᠴᠢᠳᠠᠪᠦᠷᠢᠳᠡᠨ 3 ᠨᠠᠷᠠ᠂ ᠠᠶᠢᠮᠠᠭ ᠤᠨ ᠲᠡᠰ ᠤᠨ ᠵᠢᠭᠠᠨ ᠰᠤᠷᠭᠠᠬᠤ ᠴᠢᠳᠠᠪᠦᠷᠢᠳᠡᠨ 12 ᠨᠠᠷᠠ᠂ ᠠᠶᠢᠮᠠᠭ ᠤᠨ | ᠲᠡᠰ ᠤᠨ ᠬᠢᠴᠢᠶᠡᠯ ᠲᠦᠷᠦᠯ ᠤᠨ ᠭᠤᠤᠯᠯᠠᠭᠴᠢ ᠪᠠᠭᠰᠢ 17 ᠨᠠᠷᠠ ᠪᠠᠶᠢᠵᠤ ᠪᠠᠭᠰᠢ ᠶᠢᠨ ᠡᠩᠨᠡᠬᠡᠨ ᠤ ᠭᠤᠤᠯᠯᠠᠬᠤ | ᠬᠦᠴᠦᠨ ᠡᠳᠦᠷ ᠢᠷᠡᠬᠦᠶ᠎ᠡ ᠬᠦᠴᠦᠷᠬᠡᠭᠵᠢᠵᠤ ᠪᠠᠶᠢᠨ᠎ᠠ ᠃ | ᠲᠤᠰ ᠰᠤᠷᠭᠠᠭᠤᠯᠢ ᠨᠢ ᠤᠷᠢᠳ ᠬᠤᠵᠢᠳ ︽ᠦᠪᠡᠷᠳᠡᠬᠡᠨ ᠵᠠᠰᠠᠬᠤ ᠤᠷᠤᠨ ᠤ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠲᠠᠭᠤᠷᠢᠶᠠᠯ ᠰᠤᠷᠭᠠᠭᠤᠯᠢ ︾᠂ ︽ᠦᠪᠡᠷᠳᠡᠬᠡᠨ ᠵᠠᠰᠠᠬᠤ ᠤᠷᠤᠨ ᠤ | ᠤᠳᠤᠬᠢᠴᠢᠯᠠᠭᠰᠠᠨ ᠰᠤᠷᠭᠠᠨ ᠬᠦᠮᠦᠵᠢᠯ ᠤᠨ ᠮᠡᠷᠬᠡᠵᠢᠯ ᠤᠨ ᠲᠡᠷᠢᠬᠦᠨ ᠤ ᠰᠤᠷᠭᠠᠭᠤᠯᠢ︾᠂ ᠤᠷᠤᠨ ᠤ ᠲᠡᠰ ᠤᠨ ︽ | ᠦᠪᠡᠷᠳᠡᠬᠡᠨ ᠵᠠᠰᠠᠬᠤ ᠤᠷᠤᠨ ᠤ ᠤᠯᠠᠭᠠᠨ ᠪᠦᠴᠡᠳᠡᠨ ᠤ ᠲᠠᠭᠤᠷᠢᠶᠠᠯ ᠰᠤᠷᠭᠠᠭᠤᠯᠢ︾᠂ ᠤᠷᠤᠨ ᠤ ᠳᠡᠰ ᠤᠨ ︽ | ᠵᠢᠭᠠᠨ ᠰᠤᠷᠭᠠᠬᠤ ᠦᠬᠡᠷᠡᠴᠢᠯᠡᠯᠳᠡ ᠶᠢᠨ ᠰᠢᠯᠢᠳᠡᠭ ᠰᠤᠷᠭᠠᠭᠤᠯᠢ︾᠂ ︽ᠠᠶᠢᠮᠠᠭ ᠤᠨ ᠲᠡᠰ ᠤᠨ ᠪᠠᠷᠢᠮᠵᠢᠶᠠᠳᠤ | ᠦᠨᠳᠦᠰᠦᠳᠡᠨ ᠤ ᠰᠤᠷᠭᠠᠭᠤᠯᠢ︾᠂ ︽ᠠᠶᠢᠮᠠᠭ ᠤᠨ ᠲᠡᠰ ᠤᠨ ᠰᠤᠷᠭᠠᠭᠤᠯᠢ ᠶᠢᠨ ᠬᠠᠮᠢᠶᠠᠷᠤᠯᠳᠠ ᠶᠢᠨ | ᠪᠠᠷᠢᠮᠵᠢᠶᠠᠳᠤ ᠰᠤᠷᠭᠠᠭᠤᠯᠢ︾᠂ ︽ ᠠᠶᠢᠮᠠᠭ ᠤᠨ ᠲᠡᠰ ᠤᠨ ᠪᠤᠯᠪᠠᠰᠤᠨ ᠨᠢᠬᠡᠴᠡ︾ ᠵᠡᠷᠬᠡ ᠢᠷᠠᠭᠤ ᠠᠯᠳᠠᠷ ᠢ | ᠤᠯᠠᠨᠳᠠ ᠬᠦᠷᠳᠡᠵᠤ᠂ ᠡᠯ᠎ᠡ ᠱᠠᠳᠤᠨ ᠤ ᠨᠠᠮ ᠵᠠᠰᠠᠭ ᠪᠤᠯᠤᠨ ᠨᠠᠶᠢᠬᠡᠮ ᠤᠨ ᠡᠯ᠎ᠡ ᠡᠳᠡᠬᠡᠳ ᠤᠨ ᠦᠨᠳᠦᠷ | ᠦᠨᠡᠯᠡᠯᠳᠡ ᠶᠢ ᠤᠯᠵᠤ ᠠᠯᠳᠠᠷ ᠭᠠᠪᠢᠶ᠎ᠠ ᠪᠠᠨ ᠲᠡᠤᠬᠡᠨ ᠬᠠᠭᠤᠳᠠᠰᠤᠨ᠎ᠠ ᠳᠡᠮᠳᠡᠭᠯᠡᠬᠦᠯᠦᠭᠰᠡᠷ ᠢᠷᠡᠪᠡ᠃ | ᠲᠤᠰ ᠰᠤᠷᠭᠠᠭᠤᠯᠢ ᠤᠳᠤ ︽ᠪᠠᠭᠰᠢ ᠶᠢᠨ ᠡᠩᠨᠡᠭᠡᠨ ᠤ ᠰᠢᠯᠢᠳᠡᠭᠵᠢᠯᠳᠠ ᠪᠠᠷ ᠰᠠᠭᠤᠷᠢ ᠪᠤᠯᠭᠠᠵᠤ᠂ | ᠰᠤᠷᠤᠭᠴᠢ ᠶᠢᠨ ᠬᠦᠮᠤᠨ ᠪᠤᠯᠬᠤ ᠪᠠ ᠪᠡᠶ᠎ᠡ ᠰᠡᠳᠬᠢᠴᠡ ᠶᠢᠨ ᠡᠷᠡᠬᠦᠯ ᠬᠦᠭᠵᠢᠯᠳᠠ ᠵᠢᠴᠢ ᠠᠮᠤᠷ ᠲᠦᠪᠰᠢᠨ | ᠢᠶᠠᠷ ᠪᠠᠳᠤᠯᠭ᠎ᠠ ᠪᠤᠯᠭᠠᠨ᠂ ᠵᠢᠭᠠᠨ ᠰᠤᠷᠭᠠᠯᠳᠠ ᠪᠠᠷ ᠭᠤᠤᠯᠳᠠᠯᠭ᠎ᠠ ᠪᠤᠯᠭᠠᠵᠤ᠂ ᠰᠢᠨ᠎ᠠ ᠡᠷᠡᠨ ᠤ ᠮᠤᠩᠭᠤᠯ | ᠰᠤᠶᠤᠯ ᠤᠨ ᠤᠨᠴᠠᠯᠢᠭᠳᠤ ᠰᠤᠷᠭᠠᠭᠤᠯᠢ ᠡᠷᠬᠢᠯᠡᠬᠦ ᠪᠠᠷ ᠰᠢᠪᠳᠤᠯᠤᠯᠳᠠ ᠪᠤᠯᠭᠠᠨ᠎ᠠ ︾ ᠬᠡᠬᠦ ᠰᠤᠷᠭᠠᠭᠤᠯᠢ ᠡᠷᠬᠢᠯᠡᠬᠦ | ᠶᠡᠷᠦᠩᠬᠡᠢ ᠰᠡᠳᠬᠢᠴᠡ ᠪᠠᠷ ᠪᠠᠶᠢᠩᠭᠤ ᠶᠢᠨ ᠵᠢᠭᠠᠨ ᠰᠤᠷᠭᠠᠯᠳᠠ ᠪᠠᠨ ᠲᠠᠰᠤᠷᠠᠯᠳᠠ ᠦᠬᠡᠢ ᠰᠢᠯᠢᠳᠡᠭᠵᠢᠬᠦᠯᠵᠤ᠂ | ᠤᠯᠤᠰ᠂ ᠤᠷᠤᠨ᠂ ᠠᠶᠢᠮᠠᠭ ᠤᠨ ᠵᠢᠭᠠᠨ ᠰᠤᠷᠭᠠᠬᠤ ᠦᠬᠡᠷᠡᠴᠢᠯᠡᠯᠳᠡ ᠰᠤᠳᠤᠯᠭᠠᠨ ᠤ ᠠᠵᠢᠯ ᠳᠤ ᠢᠳᠡᠪᠬᠢᠯᠡᠨ | ᠤᠷᠤᠯᠴᠠᠵᠤ ᠪᠠᠶᠢᠨ᠎ᠠ᠂ ᠡᠬᠦᠠ ᠤ ᠬᠠᠮᠳᠤ ᠮᠤᠩᠭᠤᠯ ᠬᠡᠤᠬᠡᠳ ᠤᠨ ᠢᠶᠠᠨ ᠤᠨᠴᠠᠯᠢᠭ ᠠᠴᠠ ᠡᠬᠦᠰᠦᠨ᠂ ᠮᠤᠷᠢᠨ | ᠬᠤᠭᠤᠷ᠂ ᠬᠤᠪᠢᠰ᠂ ᠶᠠᠳᠤᠭ᠎ᠠ᠂ ᠨᠠᠶᠢᠷᠠᠯ ᠲᠠᠭᠤᠤ᠂ ᠮᠤᠩᠭᠤᠯ ᠡᠮ ᠡᠮᠨᠡᠯᠬᠡ᠂ ᠰᠡᠳᠬᠢᠴᠡ᠂ ᠢᠰᠡᠬᠡᠢ ᠤᠶᠤᠳᠡᠯ᠂ | ᠪᠦᠵᠢᠭ᠂ ᠤᠩᠰᠢᠯᠭ᠎ᠠ᠂ ᠵᠢᠷᠤᠭ ᠪᠢᠴᠢᠯᠬᠡ᠂ ᠪᠦᠬᠡ᠂ ᠮᠤᠩᠭᠤᠯ ᠰᠢᠳᠠᠷ᠎ᠠ᠂ ᠨᠤᠮᠤ ᠰᠤᠮᠤ ᠵᠡᠷᠭᠡ ᠮᠤᠩᠭᠤᠯ ᠳᠡᠤᠬᠡ | ᠰᠤᠶᠤᠯ᠂ ᠵᠠᠩ ᠦᠢᠯᠡ ᠪᠤᠯᠤᠠ ᠪᠠᠶᠢᠭᠠᠯᠢ ᠶᠢᠨ ᠰᠢᠵᠢᠯᠡᠬᠦ ᠤᠬᠠᠭᠠᠨ ᠤ ᠲᠤᠷ᠎ᠠ ᠪᠠᠭ᠋ᠠᠳᠠᠠ ᠢ ᠬᠦᠮᠦᠵᠢᠬᠦᠯᠬᠦ 24 | ᠲᠤᠭᠤᠶᠢᠯᠠᠩ ᠭᠠᠷᠭᠠᠠ ᠰᠤᠷᠭᠠᠭᠤᠯᠢ ᠶᠢᠨ ᠤᠨᠴᠠᠯᠢᠭᠳᠦ ᠬᠢᠴᠢᠶᠡᠯ ᠢ ᠬᠥᠭᠵᠢᠶᠡᠡ ᠲᠠᠢ ᠨᠡᠬᠡᠬᠡᠨ ᠬᠢᠴᠢᠶᠡᠯᠯᠡᠭᠰᠡᠨ | ᠠᠴᠠ ᠰᠤᠷᠤᠭᠴᠢᠳ ᠤᠨ ᠪᠦᠬᠦ ᠲᠠᠯ᠎ᠠ ᠶᠢᠨ ᠠᠪᠢᠶᠠᠰ ᠴᠢᠳᠠᠪᠦᠷᠢ ᠶᠢ ᠬᠦᠮᠦᠵᠢᠬᠦᠯᠬᠦ ᠳᠤ ᠪᠡᠳᠤ ᠪᠠᠬᠢ ᠰᠠᠭᠤᠷᠢ ᠶᠢ | ᠲᠠᠯᠪᠢᠵᠤ ᠴᠢᠳᠠᠭᠰᠠᠨ ᠪᠠᠶᠢᠨ᠎ᠠ᠃ | |