ᠰᠢᠯᠢ  ᠶᠢᠨ  ᠬᠤᠲᠠ  ᠶᠢᠨ  ᠮᠤᠩᠭᠤᠯ  ᠲᠤᠮᠲᠠᠲᠤ  ᠰᠤᠷᠭᠠᠭᠤᠯᠢ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/7/26
     ᠰᠢᠯᠢ  ᠶᠢᠨ  ᠬᠤᠲᠠ  ᠶᠢᠨ  ᠮᠤᠩᠭᠤᠯ  ᠲᠤᠮᠲᠠᠲᠤ  ᠰᠤᠷᠭᠠᠭᠤᠯᠢ   ᠨᠢ  ᠰᠢᠯᠢ ᠶᠢᠨ ᠬᠤᠳᠠ ᠶᠢᠨ ᠨᠠᠭᠠᠳᠤᠮ ᠵᠡᠭᠡᠯᠢ ᠶᠢᠨ 116 ᠨᠤᠮᠧᠷ ᠲᠤ ᠪᠠᠶᠢᠷᠢᠯᠠᠵᠤ᠂ 1984  ᠤᠨ ᠳᠤ  ᠪᠠᠶᠢᠭᠤᠯᠤᠭᠳᠠᠭᠰᠠᠨ ᠰᠢᠯᠢ  ᠶᠢᠨ ᠬᠤᠲᠠ‌ᠤᠷᠤᠨ   ᠤ  ᠴᠤᠯ  ᠮᠤᠩᠭᠤᠯ  ᠢᠶᠠᠷ  ᠭᠢᠴᠢᠶᠡᠯᠯᠡᠭᠦ ᠴᠤᠷ  ᠤᠨ ᠭᠠᠭᠴᠠ  ᠲᠤᠮᠲᠠᠲᠤ ᠰᠤᠷᠭᠠᠭᠤᠯᠢ  ᠪᠤᠯᠬᠤ  ᠶᠤᠮ  ᠃  ᠰᠤᠷᠭᠠᠭᠤᠯᠢ   ᠶᠢᠨ  ᠶᠡᠷᠦᠩᠭᠡᠢ  ᠲᠠᠯᠠᠪᠠᠢ 8.4 ᠲᠦᠮᠡᠨ ᠲᠡᠭᠰᠢ ᠲᠦᠷᠪᠡᠯᠵᠢᠨ ᠮᠧᠲᠷ᠂ 4.6 ᠲᠦᠮᠡᠨ ᠲᠡᠭᠰᠢ ᠲᠦᠷᠪᠡᠯᠵᠢᠨ ᠮᠧᠲᠷ ᠪᠠᠷᠢᠯᠭ᠎ᠠ ᠶᠢᠨ ᠲᠠᠯᠠᠪᠠᠢ ᠪᠠ ᠲᠦᠮᠡᠨ ᠲᠡᠭᠰᠢ ᠲᠦᠷᠪᠡᠯᠵᠢᠨ ᠮᠧᠲᠷ ᠨᠤᠭᠤᠭᠠᠷᠠᠭᠤᠯᠤᠯᠳᠠ ᠶᠢᠨ ᠲᠠᠯᠠᠪᠠᠢ ᠲᠠᠢ᠃  ᠰᠤᠷᠭᠠᠭᠤᠯᠢ ᠶᠢᠨ ᠨᠤᠮ ᠤᠨ ᠰᠠᠩ ᠳᠤ5 ᠲᠦᠮᠡ ᠭᠠᠷᠤᠢ ᠪᠤᠳᠢ ᠨᠤᠮ ᠬᠠᠳᠠᠭᠠᠯᠠᠵᠤ᠂ ᠤᠳᠤᠬᠢᠴᠢᠯᠠᠭᠰᠠᠨ ᠲᠤᠨᠤᠭ ᠲᠦᠭᠦᠬᠡᠷᠦᠮᠵᠢ ᠪᠦᠬᠦᠢ ᠲᠤᠷᠰᠢᠯᠳᠠ ᠶᠢᠨ ᠲᠠᠰᠤᠭ᠂ ᠴᠠᠬᠢᠯᠭᠠᠵᠢᠭᠤᠯᠤᠭᠰᠠᠨ ᠲᠠᠰᠤᠭ᠂ ᠠᠩᠬ᠎ᠠ ᠲᠤᠮᠳᠠ᠂ ᠦᠨᠳᠦᠷ ᠲᠤᠮᠳᠠᠳᠤ ᠶᠢᠨ ᠵᠢᠭᠠᠨ ᠰᠤᠷᠭᠠᠬᠤ ᠠᠰᠠᠷ᠂ ᠲᠤᠨᠤᠭ ᠲᠦᠭᠦᠬᠡᠷᠦᠮᠵᠢ ᠪᠦᠷᠢᠨ ᠲᠡᠭᠦᠯᠳᠡᠷ ᠲᠠᠮᠢᠷ ᠤᠨ ᠤᠷᠳᠤᠨ ᠪᠠ ᠲᠠᠮᠢᠷ ᠤᠨ ᠲᠠᠯᠠᠪᠤᠷ᠂ 400 ᠮᠧᠲᠷ ᠭᠤᠮ ᠵᠦᠯᠭᠡᠳᠦ ᠪᠠᠷᠢᠮᠵᠢᠶᠠᠳᠤ ᠲᠠᠮᠢᠷ ᠤᠨ ᠲᠠᠯᠠᠪᠤᠷ᠂ ᠡᠭᠦᠨ ᠠᠴᠠ ᠭᠠᠳᠠᠨ᠎ᠠ1600 ᠬᠦᠮᠦᠨ ᠢ ᠪᠠᠭᠳᠠᠭᠠᠵᠤ ᠲᠡᠶᠢᠯᠬᠦ ᠬᠤᠭᠤᠯᠠᠨ ᠲᠢᠩᠬᠢᠮ ᠲᠠᠢ᠃ ᠤᠳᠤ ᠪᠦᠬᠦ ᠰᠤᠷᠭᠠᠭᠤᠯᠢ ᠶᠢᠨ ᠪᠠᠭᠰᠢ ᠠᠵᠢᠯᠳᠠᠨ 257 ᠨᠡᠷ᠎ᠡ᠂ ᠲᠤᠬᠠᠶᠢᠯᠠᠭᠰᠠᠨ ᠠᠵᠢᠯ ᠤᠨ ᠪᠠᠭᠰᠢ193 ᠨᠡᠷ᠎ᠡ᠂ ᠵᠢᠭᠠᠨ ᠰᠤᠷᠭᠠᠬᠤ ᠠᠩᠬᠢ48᠂ ᠰᠤᠷᠤᠭᠴᠢ1800 ᠨᠡᠷ᠎ᠡ᠂ ᠪᠠᠶᠢᠷᠢ ᠶᠢᠨ ᠰᠤᠷᠤᠭᠴᠢ1100 ᠨᠡᠷ᠎ᠡ ᠪᠤᠢ᠃ 2008 ᠤᠨ ᠳᠤ᠂ ᠰᠤᠷᠭᠠᠭᠤᠯᠢ ᠪᠠᠨ ᠦᠨᠳᠦᠰᠦᠳᠡᠨ ᠤ ᠤᠨᠴᠠᠯᠢᠭ ᠲᠤᠪᠤᠶᠢᠮ᠎ᠠ ᠴᠡᠴᠡᠷᠯᠢᠭ ᠮᠠᠶ᠋ᠢᠭ ᠤᠨ ᠰᠤᠷᠭᠠᠭᠤᠯᠢ ᠪᠤᠯᠭᠠᠨ ᠪᠦᠳᠦᠭᠡᠨ ᠪᠠᠶᠢᠭᠤᠯᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠰᠠᠭᠤᠷᠢᠨ ᠭᠠᠵᠠᠷ ᠪᠤᠯᠭᠠᠬᠤ ᠪᠠᠳᠤ ᠪᠠᠬᠢ ᠰᠠᠭᠤᠷᠢ ᠶᠢ ᠲᠠᠯᠪᠢᠵᠠᠢ᠃ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠤᠨ ᠬᠠᠮᠳᠤ ᠶᠢᠨ ᠴᠢᠷᠮᠠᠶᠢᠯᠠᠭ᠎ᠠ ᠪᠠᠷ᠂ ᠤᠷᠢᠳ ᠬᠤᠵᠢᠳ ︿︿ᠤᠯᠤᠰ  ᠤᠨ ᠤᠯᠠᠨ  ᠲᠦᠮᠡᠨᠴᠢ  ᠪᠡᠶ᠎ᠡ ᠲᠠᠮᠢᠷ  ᠤᠨ ᠲᠡᠷᠢᠭᠦᠨ ᠤ ᠬᠠᠮᠲᠦ  ᠨᠢᠭᠡᠴᠡ﹀﹀  ᠂  ︿︿ᠤᠷᠤᠨ ᠤ  ᠦᠨᠳᠦᠰᠦᠲᠡᠨ ᠤ ᠰᠤᠷᠭᠠᠨ  ᠭᠦᠮᠦᠵᠢᠯ  ᠤᠨ ᠰᠤᠳᠤᠯᠭᠠᠨ  ᠤ  ᠲᠠᠭᠤᠷᠢᠶᠠᠯ  ᠰᠤᠷᠭᠠᠭᠤᠯᠢ﹀﹀  ᠂  ︿︿ᠤᠷᠤᠨ   ᠤ ᠲᠡᠭᠡᠲᠦ  ᠳᠤᠮᠲᠠᠲᠤ  ᠶᠢᠨ ᠬᠠᠮᠢᠶᠠᠷᠤᠯᠲᠠ  ᠶᠢᠨ ᠲᠡᠷᠢᠭᠦᠨ  ᠤ  ᠰᠤᠷᠭᠠᠭᠤᠯᠢ﹀﹀  ᠂   ︿︿ᠤᠷᠤᠨ ᠤ ᠦᠨᠳᠦᠰᠦᠲᠡᠨ  ᠤ  ᠰᠤᠷᠭᠠᠨ ᠭᠦᠮᠦᠵᠢᠯ  ᠤᠨ ᠲᠡᠷᠢᠭᠦᠨ  ᠤ ᠬᠠᠮᠲᠤ ᠨᠢᠭᠡᠴᠡ﹀﹀  ᠂ ︿︿ᠤᠷᠤᠨ  ᠤ ᠮᠤᠩᠭᠤᠯ ᠭᠢᠳᠡᠳ ᠬᠡᠯᠡ ᠬᠠᠮᠲᠤᠷᠠᠨ ᠭᠡᠷᠡᠭᠯᠡᠭᠰᠡᠨ ᠲᠡᠷᠢᠭᠦᠨ  ᠤ ᠨᠢᠭᠡᠴᠡ﹀﹀  ᠂  ︿︿ᠠᠶᠢᠮᠠᠭ ᠤᠨ ᠪᠤᠯᠪᠠᠰᠤᠨ ᠨᠢᠭᠡᠴᠡ﹀﹀᠂  ︿︿ᠠᠶᠢᠮᠠᠭ ᠤᠨ ᠰᠤᠷᠭᠠᠭᠤᠯᠢ ᠶᠢᠨ ᠬᠠᠮᠢᠶᠠᠷᠤᠯᠲᠠ  ᠶᠢᠨ ᠭᠦᠭᠡ  ᠲᠡᠰ  ᠤᠨ  ᠰᠤᠷᠭᠠᠭᠤᠯᠢ﹀﹀  ᠂   ︿︿ᠠᠶᠢᠮᠠᠭ ᠤᠨ  ᠪᠠᠷᠢᠮᠵᠢᠶᠠᠲᠤ  ᠦᠨᠳᠦᠰᠦᠲᠡᠨ   ᠤ  ᠲᠤᠮᠲᠠᠲᠤ ᠰᠤᠷᠭᠠᠭᠤᠯᠢ﹀﹀ ᠵᠡᠷᠭᠡ ᠢᠷᠠᠭᠤ ᠠᠯᠳᠠᠷ  ᠢ ᠭᠦᠷᠳᠡᠪᠡ᠃
 
ᠢᠷᠡᠯᠲᠡ᠄ ᠬᠤᠳᠠ ᠶᠢᠨ ᠰᠤᠷᠭᠠᠨ ᠬᠦᠮᠤᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号