ᠮᠠᠨ ᠤ ᠠᠶᠢᠮᠠᠭ ᠦᠵᠡᠮᠵᠢ ᠶᠢᠨ ᠤᠷᠤᠨ ᠤ ᠡᠭᠦᠳᠡᠨ ᠪᠢᠯᠧᠲ ᠤᠨ ᠦᠨ᠎ᠡ ᠬᠠᠩᠰᠢ ᠶᠢᠨ ᠳᠦᠷᠢᠮ ᠪᠠᠷᠢᠮᠵᠢᠶ᠎ᠠ  ᠶᠢ ᠳᠤᠭᠳᠠᠭᠠᠯ ᠶᠤᠰᠤᠭᠠᠷ ᠬᠡᠷᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2016/7/27
   ᠡᠨᠡ ᠵᠢᠯ ᠤᠨ 5 ᠳ᠋ᠤᠭᠠᠷ ᠰᠠᠷ ᠎ᠠ ᠳᠤ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠮᠠᠨ ᠤ ᠠᠶᠢᠮᠠᠭ ᠤᠨ ᠬᠡᠰᠡᠭ ᠦᠵᠡᠮᠵᠢ ᠶᠢᠨ ᠤᠷᠤᠨ ᠳᠤ ᠪᠠᠶᠢᠴᠠᠭᠠᠯᠲᠠ ᠬᠢᠭᠰᠡᠨ ᠤ ᠳ᠋ᠦ᠋ᠩ ᠳᠤ᠂ ᠮᠠᠨ ᠤ ᠠᠶᠢᠮᠠᠭ ᠤᠨ ᠡᠯ ᠎ᠠ ᠦᠵᠡᠮᠵᠢ ᠶᠢᠨ ᠤᠷᠤᠨ ᠳᠤ ᠪᠢᠯᠧᠲ ᠤᠨ ᠦᠨ᠎ᠠ ᠬᠡᠲᠦ ᠦᠨᠳᠦᠷ᠂ ᠲᠤᠷ ᠎ᠠ ᠪᠠᠷ ᠰᠦᠢᠳᠭᠡᠯ ᠬᠤᠷᠢᠶᠠᠬᠤ᠂ ᠠᠯᠪᠠᠳᠠᠯᠭ᠎ᠠ ᠪᠠᠷ ᠡᠭᠦᠳᠡᠨ ᠪᠢᠯᠧᠲ ᠪᠤᠷᠤᠯᠠᠭᠤᠯᠬᠤ ᠵᠡᠷᠭᠡ ᠵᠤᠬᠢᠰ ᠦᠭᠡᠢ ᠦᠵᠡᠭᠳᠠᠯ ᠢᠯᠡᠷᠡᠭᠰᠡᠨ ᠦᠭᠡᠢ᠂ ᠡᠯ ᠎ᠠ ᠦᠵᠡᠮᠵᠢ ᠶᠢᠨ ᠤᠷᠤᠨ ᠴᠦᠮ ᠵᠠᠰᠠᠭ ᠤᠨ ᠤᠷᠳᠤᠨ ᠤ ᠳᠤᠭᠳᠠᠭᠠᠭᠰᠠᠨ ᠦᠨ᠎ᠠ ᠶᠢᠨ ᠬᠢᠷᠢ ᠲᠦᠪᠰᠢᠨ ᠪᠤᠯᠤᠨ ᠳᠤᠬᠢᠷᠠᠭᠤᠯᠤᠯᠳᠡ ᠶᠢᠨ ᠪᠠᠷᠢᠮᠵᠢᠶ᠎ᠠ ᠶᠢ ᠪᠠᠷᠢᠮᠳᠠᠯᠠᠵᠤ᠂ ᠦᠨ᠎ᠠ ᠶᠢ ᠢᠯᠡ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠠᠰᠤᠨ ᠳᠤ ᠦᠯᠤ ᠬᠦᠷᠦᠭᠰᠡᠳ ᠵᠡᠷᠭᠡ ᠤᠨᠴᠠᠭᠠᠢ ᠬᠦᠮᠦᠰ ᠲᠤ ᠪᠢᠯᠧᠲ ᠤᠨ ᠦᠨ᠎ᠠ ᠶᠢ ᠬᠠᠰᠤᠨ ᠬᠡᠯᠲᠦᠷᠢᠭᠦᠯᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠠᠢ᠃      ᠮᠠᠨ ᠤ ᠠᠶᠢᠮᠠᠭ ᠲᠠᠯ ᠎ᠠ ᠨᠤᠲᠤᠭ ᠤᠨ ᠵᠤᠭᠠᠴᠠᠯ ᠤᠨ ᠦᠢᠯᠡᠰ ᠢ ᠬᠦᠭᠵᠢᠭᠦᠯᠬᠦ ᠳᠠᠪᠠᠭᠤᠯᠢᠭ ᠨᠦᠬᠦᠴᠡᠯ ᠲᠠᠢ ᠪᠠᠶᠢᠵᠤ᠂ ᠤᠳᠤ ᠶᠤᠸᠠᠨ ᠤ ᠳᠡᠭᠡᠳᠦ ᠨᠠᠶᠢᠰᠯᠡᠯ ᠤᠨ ᠪᠠᠭᠤᠷᠢ᠂ ᠪᠠᠶᠢᠰᠡ ᠶᠢᠨ ᠰᠦᠮ᠎ᠠ ᠵᠡᠷᠭᠡ ᠵᠤᠭᠠᠴᠠᠯ ᠤᠨ ᠦᠵᠡᠮᠵᠢ ᠶᠢᠨ ᠤᠷᠤᠨ ︵ᠴᠡᠭ︶ 78 ᠪᠠᠶᠢᠵᠤ᠂ ᠡᠭᠦᠨ ᠳᠤ A ᠳᠡᠰ ᠤᠨ ᠵᠤᠭᠠᠴᠠᠯ ᠤᠨ ᠦᠵᠡᠮᠵᠢ ᠶᠢᠨ ᠤᠷᠤᠨ 23᠂ 4A ᠳᠡᠰ ᠤᠨ ᠦᠵᠡᠮᠵᠢ ᠶᠢᠨ ᠤᠷᠤᠨ 6᠂ 3A ᠳᠡᠰ ᠤᠨ ᠦᠵᠡᠮᠵᠢ ᠶᠢᠨ ᠤᠷᠤᠨ 6 ᠪᠠᠶᠢᠵᠤ᠂ ᠰᠢᠯᠢ ᠶᠢᠨ ᠬᠤᠲᠠ ᠪᠠᠷ ᠲᠦᠪ ᠪᠤᠯᠭᠠᠵᠦ ᠪᠦᠬᠦ ᠠᠶᠢᠮᠠᠭ ᠲᠤ ᠵᠤᠭᠠᠴᠠᠯ ᠤᠨ ᠤᠷᠤᠨ ᠲᠠᠷᠬᠠᠬᠰᠠᠨ ᠪᠦᠲᠦᠴᠡ ᠪᠤᠢ ᠪᠤᠯᠵᠠᠢ᠃ ᠤᠳᠤᠬᠠᠨ ᠳᠤ᠂ ᠪᠦᠬᠦ ᠠᠶᠢᠮᠠᠭ ᠲᠤ ᠵᠠᠰᠠᠭ ᠤᠨ ᠤᠷᠳᠤᠨ ᠤ ᠳᠤᠭᠳᠠᠭᠠᠭᠰᠠᠨ ᠦᠨ᠎ᠠ ᠪᠤᠯᠤᠨ ᠵᠢᠯᠤᠭᠤᠳᠬᠤ ᠦᠨ᠎ᠠ ᠶᠢ ᠬᠡᠷᠡᠭᠵᠢᠭᠦᠯᠵᠦ ᠪᠠᠶᠢᠬᠤ ᠵᠤᠭᠠᠴᠠᠯ ᠤᠨ ᠦᠵᠡᠮᠵᠢ ᠶᠢᠨ ᠤᠷᠤᠨ 19 ᠪᠠᠶᠢᠵᠤ᠂ ᠡᠭᠦᠨ‌‍ᠳᠤ ᠦᠪᠡᠷᠲᠡᠭᠡᠨ ᠵᠠᠰᠠᠬᠤ ᠤᠷᠤᠨ ᠠᠴᠠ ᠦᠨ᠎ᠠ ᠳᠤᠭᠳᠠᠭᠠᠭᠰᠠᠨ ᠨᠢ 1᠂ ᠠᠶᠢᠮᠠᠭ ᠠᠴᠠ ᠦᠨ᠎ᠠ ᠳᠤᠭᠳᠠᠭᠠᠭᠰᠠᠨ ᠨᠢ 5᠂ ᠬᠤᠰᠢᠭᠤ ᠰᠢᠶᠠᠨ ᠬᠤᠲᠠ ︵ᠤᠷᠤᠨ︶ ᠶᠢ ᠨᠠᠶᠢᠳᠠᠨ ᠦᠨ᠎ᠠ ᠳᠤᠭᠳᠠᠭᠠᠭᠰᠠᠨ ᠨᠢ 13 ᠪᠠᠶᠢᠨ᠎ᠠ᠃      ᠦᠵᠡᠮᠵᠢ ᠶᠢᠨ ᠤᠷᠤᠨ ᠤ ᠪᠢᠯᠧᠲ ᠤᠨ ᠦᠨ᠎ᠠ ᠶᠢ ᠳᠦᠷᠢᠮᠵᠢᠭᠦᠯᠵᠦ᠂ ᠰᠢᠯᠢᠳᠡᠭ ᠰᠠᠶᠢᠨ ᠵᠤᠭᠠᠴᠠᠯ ᠤᠨ ᠬᠡᠷᠡᠭᠯᠡᠭᠡ ᠶᠢᠨ ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠦᠯᠦᠭᠡ᠂ ᠨᠢᠳᠤᠨᠤᠨ ᠤ 10 ᠳ᠋ᠤᠭᠠᠷ ᠰᠠᠷ ᠎ᠠ ᠠᠴᠠ᠂ ᠠᠶᠢᠮᠠᠭ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠨᠢ ᠵᠤᠭᠠᠴᠠᠯ ᠤᠨ ᠲᠤᠪᠴᠢᠶ ᠎ᠠ᠂ ᠦᠨᠳᠦᠰᠦᠲᠡᠨ ᠱᠠᠰᠢᠨ ᠰᠤᠷᠳᠠᠬᠤᠨ ᠤ ᠲᠤᠪᠴᠢᠶ ᠎ᠠ ᠲᠠᠢ ᠬᠠᠮᠲᠤᠷᠠᠨ ᠵᠤᠭᠠᠴᠠᠯ ᠤᠨ ᠦᠵᠡᠮᠵᠢ ᠶᠢᠨ ᠤᠷᠤᠨ ᠤ ᠡᠬᠦᠳᠡᠨ ᠪᠢᠯᠧᠲ ᠤᠨ ᠦᠨ᠎ᠠ ᠶᠢ ᠲᠤᠰᠬᠠᠢ ᠲᠦᠷᠦᠯ ᠢᠶᠠᠷ ᠪᠠᠶᠢᠴᠠᠭᠠᠬᠤ ᠪᠠ ᠴᠡᠭᠴᠡᠯᠡᠬᠦ ᠠᠵᠢᠯ ᠢ ᠦᠷᠨᠢᠭᠦᠯᠵᠦ᠂ ᠵᠠᠰᠠᠭ ᠤᠨ ᠤᠷᠳᠤᠨ ᠠᠴᠠ ᠳᠤᠭᠳᠠᠭᠠᠭᠰᠠᠨ ᠪᠡ ᠳᠤᠬᠢᠷᠠᠭᠤᠯᠤᠭᠰᠠᠨ ᠦᠵᠡᠮᠵᠢ ᠶᠢᠨ ᠤᠷᠤᠨ ᠤ ᠪᠢᠯᠧᠲ ᠤᠨ ᠦᠨ᠎ᠠ ᠶᠢ ᠪᠦᠬᠦ ᠲᠠᠯ ᠎ᠠ ᠪᠠᠷ ᠪᠠᠶᠢᠴᠠᠭᠠᠬᠤ ᠶᠢᠨ ᠬᠠᠮᠲᠤ ᠠᠶᠢᠮᠠᠭ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠰᠦᠯᠵᠢᠶᠠᠨ ᠦᠷᠳᠡᠭᠡ ᠪᠤᠯᠤᠨ ︽ᠰᠢᠯᠢ ᠶᠢᠨ ᠭᠤᠤᠯ ᠤᠨ ᠦᠨ᠎ᠠ ᠬᠠᠨᠭ᠍ᠰᠢ︾ ᠤᠯᠠᠨ ᠨᠡᠶᠢᠲᠡ ᠶᠢᠨ ᠸᠢᠴᠡᠲ ᠳᠠᠪᠴᠠᠩ ᠳᠡᠭᠡᠷ ᠎ᠠ ᠵᠠᠷᠯᠠᠵᠠᠢ᠃ ᠠᠶᠢᠮᠠᠭ᠂ ᠬᠤᠰᠢᠭᠤ ᠬᠤᠶᠠᠷ ᠱᠠᠳᠤᠨ ᠤ ᠦᠨ᠎ᠠ ᠬᠠᠨᠭ᠍ᠰᠢ ᠪᠠᠶᠢᠴᠠᠭᠠᠬᠤ ᠲᠤᠪᠴᠢᠶ ᠎ᠠ ᠠᠴᠠ ᠵᠤᠭᠠᠴᠠᠯ᠂ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠦᠴᠢᠷ ᠲᠠᠢ ᠬᠠᠮᠳᠤᠷᠠᠨ᠂ ᠪᠦᠬᠦ ᠠᠶᠢᠮᠠᠭ ᠤᠨ ᠬᠡᠪᠴᠢᠶᠠᠨ ᠳᠠᠬᠢ ᠵᠤᠭᠠᠴᠠᠯ ᠤᠨ ᠦᠵᠡᠮᠵᠢ ᠶᠢᠨ ᠤᠷᠤᠨ ᠤ ᠪᠢᠯᠧᠲ᠂ ᠵᠤᠭᠠᠴᠠᠯ ᠤᠨ ᠳᠦᠬᠦᠭᠡᠷᠦᠮᠵᠢ ᠶᠢᠨ ᠵᠠᠷᠤᠳᠠᠯ ᠬᠤᠷᠢᠶᠠᠬᠤ᠂ ᠬᠤᠨᠤᠬᠤ ᠭᠠᠵᠠᠷ ᠤᠨ ᠲᠠᠸᠠᠷ ᠵᠢᠴᠢ ᠦᠢᠯᠡᠴᠢᠯᠡᠭᠡᠨ ᠤ ᠦᠨ᠎ᠠ ᠪᠠᠨ ᠢᠯᠡ ᠪᠠᠶᠢᠯᠭᠠᠬᠤ ᠵᠡᠷᠭᠡ ᠪᠠᠶᠢᠳᠠᠯ ᠢ ᠪᠠᠶᠢᠴᠠᠭᠠᠵᠤ᠂ ᠭᠤᠤᠯᠳᠠᠯᠭᠠᠲᠤ ᠦᠵᠡᠮᠵᠢ ᠶᠢᠨ ᠤᠷᠤᠨ ︵ᠴᠡᠭ︶ ᠤ ᠦᠨ᠎ᠠ ᠪᠠᠨ ᠢᠯᠡ ᠪᠠᠶᠢᠯᠭᠠᠬᠤ ᠶᠢ ᠳᠦᠷᠢᠮᠵᠢᠭᠦᠯᠵᠤ᠂ ᠢᠳᠡᠪᠬᠢᠲᠠᠢ ᠪᠠᠷ ᠤᠯᠠᠨ ᠲᠦᠮᠡᠨ ᠤ ᠬᠢᠨᠠᠯᠲᠠ‌‍ᠶᠢ ᠬᠦᠯᠢᠶᠡᠬᠦ ᠶᠢ ᠱᠠᠭᠠᠷᠳᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号