︽  ᠰᠢᠯᠢ ᠶᠢᠨ ᠭᠤᠤᠯ ᠠᠶᠢᠮᠠᠭ ᠤᠨ ᠰᠢᠯᠢᠲᠡᠭ ᠡᠬᠦᠯᠲᠠᠷ ᠤᠨ ᠦᠬᠡᠷ ᠮᠠᠯᠵᠢᠬᠤ ᠠᠵᠤ ᠦᠢᠯᠠᠰ ᠢ ᠬᠦᠭᠵᠢᠬᠦᠯᠬᠦ ᠲᠦᠯᠤᠪᠵᠢᠬᠦᠯᠬᠡ ︵2016 — 2020 ᠤᠨ ᠬᠦᠷᠲᠠᠯ᠎ᠠ︶︾ ᠎ ᠶᠢ  ᠲᠠᠷᠤᠮᠠᠯᠯᠠᠨ ᠲᠠᠷᠬᠠᠭᠠᠬᠤ ᠲᠤᠬᠠᠢ ᠵᠠᠬᠢᠷᠭ᠎ᠠ ᠶᠢᠨ ᠮᠡᠲᠡᠭᠲᠠᠯ
ᠨᠡᠶᠢᠲᠡᠯᠡᠭᠰᠡᠨ ᠴᠠᠭ᠄
2016/7/28
    ᠰᠢᠯᠢ ᠵᠠᠬᠢᠷᠭ᠎ᠠ ᠲᠠᠷᠬᠠᠭᠠᠭᠰᠠᠨ ﹇2016﹈ 84 ᠳ᠋ᠤᠬᠡᠷ ᠲᠤᠭᠠᠳᠦ   ︽ ᠰᠢᠯᠢ ᠶᠢᠨ ᠭᠤᠤᠯ ᠠᠶᠢᠮᠠᠭ ᠤᠨ ᠰᠢᠯᠢᠲᠡᠭ ᠡᠬᠦᠯᠲᠠᠷ ᠤᠨ  ᠦᠬᠡᠷ ᠮᠠᠯᠵᠢᠬᠤ ᠠᠵᠤ ᠦᠢᠯᠠᠰ ᠢ  ᠬᠦᠭᠵᠢᠬᠦᠯᠬᠦ ᠲᠦᠯᠤᠪᠵᠢᠬᠦᠯᠬᠡ ︵ 2016 — 2020 ᠤᠨ ᠬᠦᠷᠲᠠᠯ᠎ᠠ︶︾  ᠎ ᠶᠢ ᠲᠠᠷᠤᠮᠠᠯᠯᠠᠨ ᠲᠠᠷᠬᠠᠭᠠᠬᠤ ᠲᠤᠬᠠᠢ ᠵᠠᠬᠢᠷᠭ᠎ᠠ ᠶᠢᠨ ᠮᠡᠲᠡᠭᠲᠠᠯᠡᠯ᠎ᠠ ᠬᠤᠰᠢᠭᠤ ᠰᠢᠶᠠᠨ ᠬᠤᠲᠠ ︵ᠤᠷᠤᠨ︶  ᠎ ᠶᠢᠨ  ᠠᠷᠠᠳ ᠤᠨ ᠵᠠᠰᠠᠭ ᠤᠨ ᠤᠷᠲᠤᠨ ︵ ᠬᠠᠮᠢᠶᠠᠷᠤᠯᠲᠠ ᠶᠢᠨ ᠵᠦᠪᠯᠠᠯ︶᠂  ᠵᠠᠬᠢᠷᠭ᠎ᠠ ᠶᠢᠨ ᠡᠯ᠎ᠠ ᠵᠦᠪᠯᠠᠯ᠂ ᠠᠯᠪᠡᠨ ᠬᠡᠷ᠂ ᠲᠤᠪᠴᠢᠶ᠎ᠠ᠂  ᠡᠯ᠎ᠠ ᠲᠤᠮᠤ ᠠᠵᠤ ᠠᠬᠤᠶᠢᠯᠠᠯ᠂  ᠠᠵᠢᠯ ᠦᠢᠯᠠᠰ ᠤᠨ ᠨᠢᠬᠡᠴᠨ ᠳᠤ᠄      ︽ ᠰᠢᠯᠢ ᠶᠢᠨ ᠭᠤᠤᠯ ᠠᠶᠢᠮᠠᠭ ᠤᠨ ᠰᠢᠯᠢᠲᠡᠭ ᠡᠬᠦᠯᠲᠠᠷ ᠤᠨ ᠦᠬᠡᠷ ᠮᠠᠯᠵᠢᠬᠤ ᠠᠵᠤ ᠦᠢᠯᠠᠰ ᠢ ᠬᠦᠭᠵᠢᠬᠦᠯᠬᠦ ᠲᠦᠯᠤᠪᠵᠢᠬᠦᠯᠬᠡ ︵2016 — —2020 ᠤᠨ ᠬᠦᠷᠲᠠᠯ᠎ᠠ︶︾  ᠎ ᠶᠢ ᠠᠶᠢᠮᠠᠭ ᠤᠨ ᠨᠠᠮ ᠤᠨ ᠬᠤᠷᠢᠶᠠᠨ ᠤ 2016 ᠤᠨ ᠤ12 ᠳ᠋ᠤᠭᠠᠷ ᠤᠲᠠᠭᠠᠨ ᠤ ᠬᠡᠰᠢᠬᠦᠳ ᠤᠨ ᠬᠤᠷᠠᠯ ᠪᠤᠯᠤᠨ 2016 ᠤᠨ ᠤ ᠵᠠᠬᠢᠷᠭ᠎ᠠ ᠶᠢᠨ ᠲᠠᠪᠤᠲᠤᠭᠠᠷ ᠪᠠᠶᠢᠡᠭᠭᠤ ᠶᠢᠨ ᠬᠤᠷᠠᠯ ᠢᠶᠠᠷ ᠬᠢᠨᠠᠨ ᠵᠦᠪᠰᠢᠶᠠᠷᠠᠬᠦᠯᠤᠬᠡᠳ᠂ ᠡᠲᠤᠬᠡ ᠲᠠᠨᠠᠷ ᠲᠤ ᠲᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠰᠤᠭᠠᠢ᠃                                                                                                                       ᠰᠢᠯᠢ ᠶᠢᠨ ᠭᠤᠤᠯ ᠠᠶᠢᠮᠠᠭ ᠤᠨ ᠵᠠᠬᠢᠷᠭ᠎ᠠ                                    2016 ᠤᠨ ᠤ 6 ᠳ᠋ᠤᠭᠠᠷ ᠰᠠᠷ᠎ᠠ ᠶᠢᠨ 18᠎ ᠤ ᠡᠲᠤᠷᠰᠢᠯᠢ ᠶᠢᠨ ᠭᠤᠤᠯ ᠠᠶᠢᠮᠠᠭ ᠤᠨ ᠰᠢᠯᠢᠲᠡᠭ ᠡᠬᠦᠯᠲᠠᠷ ᠤᠨ ᠦᠬᠡᠷ ᠮᠠᠯᠵᠢᠬᠤ ᠠᠵᠤ ᠦᠢᠯᠠᠰ ᠢ ᠬᠦᠭᠵᠢᠬᠦᠯᠬᠦ ᠲᠦᠯᠤᠪᠵᠢᠬᠦᠯᠬᠡ ︵2016 — —2020 ᠤᠨ ᠬᠦᠷᠲᠠᠯ᠎ᠠ︶             ᠠᠵᠤ ᠠᠬᠤᠢ ᠶᠢᠨ  ᠬᠡᠯᠪᠡᠷᠢ ᠶᠢᠨ ᠬᠤᠪᠢᠷᠠᠭᠤᠯᠤᠯᠲᠠ᠂  ᠠᠵᠤ ᠦᠢᠯᠠᠰ ᠤᠨ ᠲᠠᠰ ᠲᠠᠪᠰᠢᠯᠲᠠ ᠪᠤᠯᠤᠨ ᠰᠢᠨᠵᠢᠯᠠᠬᠦ ᠤᠭᠠᠬᠠᠨ ᠮᠠᠷᠬᠡᠵᠢᠯ ᠤᠨ ᠲᠠᠪᠰᠢᠯᠲᠠ ᠶᠢ ᠲᠠᠭᠠᠯᠲᠤᠨ᠂ ᠤᠯᠠᠮᠵᠢᠯᠠᠯᠲᠤ ᠮᠠᠯ ᠠᠵᠤ ᠠᠬᠤᠢ ᠨᠢ ᠶᠠᠭ ᠬᠡᠪᠴᠢᠶᠠᠵᠢᠯᠲᠠ᠂  ᠪᠡᠷᠢᠮᠵᠢᠶᠠᠵᠢᠯᠲᠠ᠂ ᠠᠵᠤ ᠦᠢᠯᠠᠰᠵᠢᠯᠲᠠ᠂  ᠡᠬᠦᠯᠲᠠᠷ ᠰᠢᠯᠢᠲᠡᠭᠵᠢᠯᠲᠠ᠂  ᠨᠠᠷ᠎ᠠ ᠲᠠᠮᠲᠡᠭᠵᠢᠯᠲᠠ ᠪᠠᠷ ᠭᠤᠤᠯ ᠤᠨᠴᠠᠯᠢᠭ ᠪᠤᠯᠭᠠᠭᠰᠠᠨ ᠤᠲᠤ ᠦᠶ᠎ᠠ ᠶᠢᠨ ᠮᠠᠯ ᠠᠵᠤ ᠠᠬᠤᠢ ᠶᠢᠨ ᠵᠠᠮ ᠢᠶᠠᠷ ᠵᠠᠮᠨᠠᠵᠤ ᠪᠤᠢ᠃  ᠤᠲᠤᠬᠠᠨ ᠳᠤ᠂  ᠪᠦᠬᠦ ᠠᠶᠢᠮᠠᠭ ᠤᠨ ᠮᠠᠯ ᠠᠵᠤ ᠠᠬᠤᠢ ᠶᠢᠨ ᠬᠦᠭᠵᠢᠯᠲᠠ ᠳᠤ ᠠᠮᠢ ᠠᠬᠤᠢ ᠶᠢᠨ ᠬᠠᠮᠠᠭᠠᠯᠠᠯᠲᠠ ᠶᠢᠨ ᠡᠬᠦᠷᠬᠡ ᠬᠦᠨᠲᠤ᠂  ᠤᠷᠴᠢᠨ ᠲᠤᠭᠤᠷᠢᠨ ᠤ ᠬᠢᠵᠠᠭᠠᠷᠯᠠᠯ ᠴᠢᠩᠭ᠎ᠠ᠂  ᠵᠠᠬ᠎ᠠ ᠲᠠᠯᠬᠡᠬᠦᠷ ᠤᠨ ᠦᠷᠢᠰᠤᠯᠲᠤᠬᠡᠨ ᠰᠢᠷᠤᠬᠦᠨ᠂  ᠮᠠᠯᠴᠢᠨ ᠲᠠᠷᠢᠶᠠᠴᠢᠨ ᠤ ᠤᠷᠤᠯᠭ᠎ᠠ ᠶᠢᠨ ᠨᠡᠮᠡᠭᠲᠠᠯ ᠤᠲᠠᠭᠠᠨ ᠵᠠᠷᠬᠡ ᠤᠯᠠᠨ ᠲᠠᠯ᠎ᠠ ᠎ ᠶᠢᠨ ᠡᠬᠦᠷᠬᠡᠯᠠᠯ ᠲᠤᠯᠭᠠᠷᠠᠵᠤ ᠪᠠᠶᠢᠭ᠎ᠠ ᠪᠤᠯᠬᠤᠷ᠂  ᠰᠢᠨ᠎ᠠ ᠬᠦᠭᠵᠢᠯᠲᠠ ᠶᠢᠨ ᠦᠢᠯᠠᠭᠠᠭᠲᠠᠬᠤᠨ ᠢ ᠵᠢᠷᠤᠮᠯᠠᠵᠤ᠂  ᠦᠬᠡᠷᠠᠴᠢᠯᠠᠯᠲᠠ ᠶᠢ  ᠪᠦᠬᠦ ᠲᠠᠯ᠎ᠠ ᠪᠠᠷ ᠬᠦᠨᠵᠠᠬᠡᠶᠢᠷᠠᠬᠦᠯᠬᠦ ᠪᠠ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠎ ᠶᠢᠨ ᠪᠦᠲᠤᠴᠠ ᠶᠢᠨ ᠴᠢᠨᠠᠷᠲᠠᠢ ᠦᠬᠡᠷᠠᠴᠢᠯᠠᠯᠲᠠ ᠶᠠᠪᠤᠭᠤᠯᠬᠤ ᠶᠢ ᠴᠢᠬᠤᠯᠨ ᠪᠠᠶᠢᠷᠢᠨ ᠳᠤ ᠲᠠᠯᠪᠢᠬᠤ ᠳᠠᠭᠠᠨ ᠲᠦᠰᠢᠭᠯᠡᠵᠤ᠂  ᠵᠠᠬ᠎ᠠ ᠲᠠᠯᠬᠡᠬᠦᠷ ᠢᠶᠠᠷ ᠤᠲᠤᠷᠢᠲᠤᠮᠵᠢ ᠪᠤᠯᠭᠠᠬᠤ ᠶᠢ ᠪᠡᠷᠢᠮᠲᠠᠯᠠᠨ᠂  ᠦᠬᠡᠷᠠᠴᠢᠯᠠᠯᠲᠠ ᠶᠢᠨ ᠠᠷᠭ᠎ᠠ ᠎ ᠪᠠᠷ ᠮᠠᠯ ᠠᠵᠤ ᠠᠬᠤᠢ ᠶᠢᠨ ᠲᠤᠲᠤᠭᠠᠲᠤ ᠪᠦᠲᠤᠴᠠ ᠶᠢ ᠲᠤᠬᠢᠷᠠᠭᠤᠯᠤᠨ ᠰᠢᠯᠢᠲᠡᠭᠵᠢᠬᠦᠯᠵᠤ᠂  ᠮᠠᠯ ᠠᠵᠤ ᠠᠬᠤᠢ ᠎ ᠶᠢᠨ ᠬᠦᠭᠵᠢᠯᠲᠠ ᠶᠢᠨ ᠬᠡᠯᠪᠡᠷᠢ ᠶᠢ ᠬᠤᠪᠢᠷᠠᠭᠤᠯᠬᠤ ᠪᠠᠨ ᠲᠦᠷᠬᠡᠳᠬᠡᠨ᠂  ᠪᠦᠲᠤᠮᠵᠢ ᠦᠬᠡᠢ ᠪᠠ ᠲᠤᠤᠷᠠᠲᠤ ᠲᠠᠰ ᠎ ᠤᠨ ᠬᠠᠨᠭ᠍ᠭᠠᠯᠭ᠎ᠠ  ᠎ ᠶᠢ ᠪᠠᠭᠠᠰᠬᠠᠵᠤ᠂  ᠪᠦᠲᠤᠮᠵᠢᠲᠤ ᠪᠠ ᠲᠤᠮᠲᠠ ᠲᠠᠬᠡᠲᠤ ᠲᠠᠰ ᠤᠨ ᠬᠠᠨᠭ᠍ᠭᠠᠯᠭ᠎ᠠ ᠪᠠᠨ ᠦᠷᠬᠡᠳᠬᠡᠵᠤ᠂  ᠬᠠᠨᠭ᠍ᠭᠠᠯᠭ᠎ᠠ ᠶᠢᠨ ᠪᠦᠲᠤᠴᠠ ᠶᠢᠨ ᠬᠡᠷᠡᠭᠴᠠᠬᠡᠨ ᠤ ᠬᠤᠪᠢᠷᠠᠯᠲᠠ ᠳᠤ ᠵᠤᠬᠢᠴᠠᠬᠤ ᠴᠢᠨᠠᠷ ᠪᠠ ᠠᠮᠢᠲᠤᠯᠢᠭ ᠴᠢᠨᠠᠷ ᠢ ᠨᠡᠮᠡᠭᠲᠠᠬᠦᠯᠵᠤ᠂ ᠪᠦᠷᠢᠨ ᠲᠠᠬᠦᠯᠲᠠᠷ ᠬᠦᠴᠤᠨ ᠵᠦᠢᠯᠲᠤ ᠦᠢᠯᠡᠳᠪᠤᠷᠢᠯᠠᠯ ᠤᠨ ᠨᠤᠷᠮ᠎ᠠ ᠶᠢ ᠲᠠᠬᠡᠭᠰᠢᠯᠠᠬᠦᠯᠬᠦ ᠴᠢᠬᠤᠯᠠᠲᠠᠢ ᠪᠠᠶᠢᠭ᠎ᠠ ᠶᠤᠮ᠃  ᠲᠤᠯᠭᠠᠷᠠᠵᠤ ᠪᠦᠬᠦᠢ ᠠᠵᠠ ᠲᠤᠬᠢᠶᠠᠯ ᠪᠤᠯᠤᠨ ᠦᠷᠢᠰᠤᠯᠲᠤᠬᠡᠨ ᠎ ᠠᠴᠠ ᠦᠵᠠᠬᠦ ᠳᠤ᠂ ︽ ᠬᠤᠨᠢ ᠶᠢ ᠴᠦᠬᠡᠴᠢᠯᠠᠵᠤ ᠦᠬᠡᠷ ᠢᠯᠠᠬᠦᠤ ᠮᠠᠯᠵᠢᠬᠤ︾ ᠪᠠᠶᠢᠯᠲᠤᠬᠤ ᠪᠤᠲᠤᠯᠭ᠎ᠠ ᠶᠢ ᠬᠦᠴᠤᠲᠠᠢ ᠬᠡᠷᠡᠭᠵᠢᠬᠦᠯᠵᠤ᠂  ᠰᠢᠯᠢᠲᠡᠭ ᠡᠬᠦᠯᠲᠠᠷ ᠤᠨ ᠦᠬᠡᠷ ᠮᠠᠯᠵᠢᠬᠤ ᠠᠵᠤ ᠦᠢᠯᠠᠰ ᠢ ᠬᠦᠭᠵᠢᠬᠦᠯᠬᠦ ᠪᠠᠨ ᠲᠦᠷᠬᠡᠳᠬᠡᠨ᠂  ᠤᠯᠠᠮᠵᠢᠯᠠᠯᠲᠤ ᠮᠠᠯ ᠠᠵᠤ ᠠᠬᠤᠢ ᠪᠠᠨ ᠤᠲᠤ ᠦᠶ᠎ᠠ ᠶᠢᠨ ᠮᠠᠯ ᠠᠵᠤ ᠠᠬᠤᠢ ᠲᠠᠰᠢ ᠬᠤᠪᠢᠷᠠᠭᠤᠯᠬᠤ ᠶᠢ ᠠᠬᠢᠭᠤᠯᠵᠤ᠂  ᠨᠢᠬᠡᠲᠤᠬᠡᠷ ᠠᠵᠤ ᠦᠢᠯᠠᠰ ᠬᠢᠬᠡᠳ ᠬᠤᠶᠠᠷ᠂ ᠭᠤᠷᠪᠡᠲᠤᠭᠠᠷ ᠠᠵᠤ ᠦᠢᠯᠠᠰ ᠎ ᠤᠨ ᠨᠢᠭᠲᠠ ᠤᠶᠠᠯᠲᠤᠯ ᠪᠤᠯᠤᠨ ᠵᠤᠬᠢᠴᠠᠩᠭᠤᠢ ᠬᠦᠭᠵᠢᠯᠲᠠ ᠶᠢ ᠲᠦᠯᠬᠢᠨ ᠠᠬᠢᠭᠤᠯᠬᠤ ᠪᠤᠯ᠂  ᠪᠦᠬᠦ ᠠᠵᠤ ᠦᠢᠯᠠᠰ ᠤᠨ ᠬᠠᠨᠭ᠍ᠭᠠᠯᠭ᠎ᠠ ᠶᠢᠨ ᠪᠦᠲᠤᠴᠠ ᠶᠢ ᠪᠦᠬᠦ ᠲᠠᠯ᠎ᠠ ᠪᠠᠷ ᠰᠢᠯᠢᠲᠡᠭᠵᠢᠬᠦᠯᠤᠨ ᠲᠠᠰ ᠲᠠᠪᠰᠢᠬᠦᠯᠵᠤ᠂  ᠪᠦᠬᠦᠶᠢᠯᠨ ᠠᠵᠤ ᠠᠬᠤᠢ ᠶᠢᠨ ᠦᠷᠬᠦᠯᠵᠢᠯᠠᠨ ᠡᠷᠠᠬᠦᠯ ᠢᠶᠠᠷ ᠬᠦᠭᠵᠢᠬᠦ᠂  ᠲᠠᠯ᠎ᠠ ᠨᠤᠲᠤᠭ ᠤᠨ ᠠᠮᠢ ᠠᠬᠤᠢ ᠶᠢ ᠦᠷᠬᠦᠯᠵᠢᠯᠠᠨ ᠬᠠᠮᠠᠭᠠᠯᠠᠵᠤ ᠠᠰᠢᠭᠯᠠᠬᠤ᠂  ᠮᠠᠯᠴᠢᠨ ᠲᠠᠷᠢᠶᠠᠴᠢᠨ ᠤ ᠤᠷᠤᠯᠭ᠎ᠠ  ᠎ ᠶᠢ  ᠦᠷᠬᠦᠯᠵᠢᠯᠠᠨ ᠨᠡᠮᠡᠭᠲᠠᠬᠦᠯᠬᠦ᠂  ᠬᠢᠯᠢ ᠬᠢᠵᠠᠭᠠᠷ ᠤᠷᠤᠨ ᠢ ᠦᠨᠢ ᠤᠲᠠᠭᠠᠨ ᠠᠮᠤᠷ ᠲᠤᠭᠲᠠᠭᠤᠨ ᠪᠠᠶᠢᠯᠭᠠᠬᠤ ᠵᠠᠶᠢᠯᠠᠰᠢ ᠦᠬᠡᠢ ᠵᠠᠮ ᠪᠤᠯᠤᠨ ᠴᠢᠬᠤᠯᠨ ᠶᠡᠭᠡ ᠠᠷᠭ᠎ᠠ ᠪᠡᠷᠢᠯ ᠪᠤᠯᠬᠤ ᠶᠤᠮ᠃        ᠨᠢᠬᠡ᠂  ᠲᠦᠯᠤᠪᠵᠢᠬᠦᠯᠬᠡ ᠶᠢᠨ ᠡᠰᠢ ᠪᠡᠷᠢᠮᠲᠠ      ︵ᠨᠢᠬᠡ︶  ︽ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠬᠦᠯᠤᠯᠲᠠ ᠶᠢᠨ ᠠᠷᠪᠡᠨ ᠭᠤᠷᠪᠡᠲᠤᠭᠠᠷ ᠲᠠᠪᠤᠨ ᠵᠢᠯ ᠤᠨ ᠲᠦᠯᠤᠪᠵᠢᠬᠦᠯᠬᠡ ᠶᠢᠨ ᠲᠤᠪᠴᠢ︾᠃    ︵ᠬᠤᠶᠠᠷ︶  ︽ ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ᠂  ᠲᠦᠷᠤ ᠶᠢᠨ ᠶᠠᠪᠤᠲᠠᠯ ᠎ ᠤᠨ ᠬᠤᠷᠢᠶᠠᠨ ᠤ ᠬᠦᠭᠵᠢᠯᠲᠠ ᠶᠢᠨ ᠰᠢᠨ᠎ᠠ ᠦᠢᠯᠠᠭᠠᠭᠲᠠᠬᠤᠨ ᠢ ᠨᠠᠶᠢᠲᠠᠪᠤᠷᠢᠵᠢᠭᠤᠯᠵᠤ ᠲᠠᠷᠢᠶᠠᠯᠠᠩ ᠤᠨ ᠤᠳᠤᠭᠢᠴᠢᠯᠠᠯᠲᠠ ᠶᠢ ᠲᠦᠷᠬᠡᠳᠬᠡᠵᠤ ᠪᠦᠬᠦ ᠲᠠᠯ᠎ᠠ ᠪᠠᠷ ᠴᠢᠨᠠᠬᠡᠯᠢᠭᠵᠢᠬᠦᠯᠬᠦ ᠬᠠᠷᠠᠯᠲᠠ ᠶᠢ ᠪᠠᠶᠠᠯᠠᠬᠦᠯᠬᠦ ᠲᠤᠬᠠᠢ ᠰᠠᠨᠠᠯ ᠎ ᠤᠳ︾ ︵ᠲᠦᠪ ᠲᠠᠷᠬᠠᠭᠠᠭᠰᠠᠨ ﹇2016﹈ 1 ᠳ᠋ᠤᠬᠡᠷ ᠲᠤᠭᠠᠲᠤ︶  ᠃     ︵ᠭᠤᠷᠪᠠ︶ ︽ ᠲᠦᠷᠤ ᠶᠢᠨ ᠶᠠᠪᠤᠲᠠᠯ ᠤᠨ ᠬᠤᠷᠢᠶᠠᠨ ᠤ ᠲᠠᠷᠢᠶᠠᠯᠠᠩ ᠤᠨ ᠠᠵᠤ ᠦᠢᠯᠠᠰᠵᠢᠯᠲᠠ ᠶᠢᠨ  ᠲᠤᠯᠤᠭᠠᠶᠢᠯᠠᠭᠴᠢ ᠠᠵᠤ ᠠᠬᠤᠶᠢᠯᠠᠯ ᠤᠨ ᠬᠦᠭᠵᠢᠯᠲᠠ ᠶᠢ ᠲᠠᠮᠵᠢᠬᠦ  ᠲᠤᠬᠠᠢ ᠰᠠᠨᠠᠯ︾ ︵ ᠲᠦᠷᠤ ᠲᠠᠷᠬᠠᠭᠠᠭᠰᠠᠨ ﹇2012﹈10 ᠳ᠋ᠤᠭᠠᠷ ᠲᠤᠭᠠᠲᠤ︶᠃      ︵ᠲᠦᠷᠪᠠ︶ ︽ ᠪᠦᠬᠦ ᠤᠯᠤᠰ ᠤᠨ ᠦᠬᠡᠷ ᠬᠤᠨᠢᠨ ᠮᠢᠬᠠᠨ ᠤ ᠦᠢᠯᠡᠳᠪᠤᠷᠢᠯᠠᠯ ᠤᠨ ᠬᠦᠭᠵᠢᠯᠲᠠ ᠶᠢᠨ ᠲᠦᠯᠤᠪᠵᠢᠬᠦᠯᠬᠡ ︵2013——2020 ᠤᠨ ᠬᠦᠷᠲᠠᠯ᠎ᠠ︶︾᠃      ︵ᠲᠠᠪᠤ︶  ︽ ᠦᠪᠤᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠬᠦᠯᠤᠯᠲᠠ ᠶᠢᠨ ᠠᠷᠪᠡᠨ ᠭᠤᠷᠪᠠᠲᠤᠭᠠᠷ ᠲᠠᠪᠤᠨ ᠵᠢᠯ ᠤᠨ ᠲᠦᠯᠤᠪᠵᠢᠬᠦᠯᠬᠡ ᠶᠢᠨ ᠲᠤᠪᠴᠢ︾᠃      ︵ᠵᠢᠷᠭᠤᠭ᠎ᠠ︶  ︽ ᠦᠪᠤᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠎ ᠤᠨ ᠵᠠᠰᠠᠭ ᠤᠨ ᠤᠷᠳᠤᠨ ᠤ ᠬᠦᠭᠵᠢᠯᠲᠠ ᠶᠢᠨ ᠰᠢᠨ᠎ᠠ ᠦᠢᠯᠠᠭᠠᠭᠲᠠᠬᠤᠨ ᠢ ᠨᠠᠶᠢᠲᠠᠪᠤᠷᠢᠵᠢᠭᠤᠯᠵᠤ ᠲᠠᠷᠢᠶᠠᠯᠠᠩ ᠮᠠᠯ ᠠᠵᠤ ᠠᠬᠤᠢ ᠶᠢᠨ ᠤᠲᠤᠬᠢᠴᠢᠯᠠᠯᠲᠠ ᠶᠢ ᠲᠦᠷᠬᠡᠳᠬᠡᠵᠤ ᠪᠦᠬᠦ ᠲᠠᠯ᠎ᠠ ᠪᠠᠷ ᠴᠢᠨᠠᠬᠡᠯᠢᠭᠵᠢᠬᠦᠯᠬᠦ ᠬᠠᠷᠠᠯᠲᠠ ᠶᠢ ᠪᠠᠶᠠᠯᠠᠬᠦᠯᠬᠦ ᠲᠤᠬᠠᠢ ᠬᠡᠷᠡᠭᠵᠢᠬᠦᠯᠬᠦ ᠰᠠᠨᠠᠯ︾ ︵ ᠦᠪᠤᠷ ᠨᠠᠮ ᠲᠠᠷᠬᠠᠭᠠᠭᠰᠠᠨ ﹇2016﹈᠎ ᠤ1 ᠳ᠋ᠤᠬᠡᠷ ᠲᠤᠭᠠᠲᠤ︶᠃      ︵ᠲᠤᠯᠤᠭ᠎ᠠ︶  ︽ ᠦᠪᠤᠷ ᠮᠤᠩᠭᠤᠯ ᠤᠨ ᠵᠠᠰᠠᠭ ᠤᠨ ᠤᠷᠳᠤᠨ ᠤ ᠲᠠᠭᠠᠭᠤᠯᠤᠭᠴᠢ ᠠᠵᠤ ᠠᠬᠤᠶᠢᠯᠠᠯ ᠢ  ᠪᠤᠶᠢᠵᠢᠭᠤᠯᠬᠤ ᠪᠠᠨ ᠲᠦᠷᠬᠡᠳᠬᠡᠨ ᠠᠵᠤ ᠦᠢᠯᠠᠰ ᠤᠨ ᠪᠦᠬᠡᠮ ᠢᠶᠠᠷ ᠬᠦᠭᠵᠢᠬᠦ ᠶᠢ ᠠᠬᠢᠭᠤᠯᠵᠤ ᠲᠠᠷᠢᠶᠠᠯᠠᠩ ᠮᠠᠯ ᠠᠵᠤ ᠠᠬᠤᠢ ᠶᠢᠨ ᠡᠵᠡᠩᠨᠠᠯᠲᠠ ᠶᠢᠨ ᠬᠢᠷᠢ ᠲᠦᠪᠰᠢᠨ ᠢ ᠲᠠᠬᠡᠭᠰᠢᠯᠠᠬᠦᠯᠬᠦ ᠲᠤᠬᠠᠢ ᠰᠠᠨᠠᠯ︾ ︵ ᠦᠪᠤᠷ ᠵᠠᠰᠠᠭ ᠲᠠᠷᠬᠠᠭᠠᠭᠰᠠᠨ ﹇2016﹈ 2  ᠳ᠋ᠤᠭᠠᠷ ᠲᠤᠭᠠᠲᠤ︶᠃      ︵ᠡᠨᠢᠮᠠ︶ ︽ ᠰᠢᠯᠢ ᠶᠢᠨ ᠭᠤᠤᠯ ᠠᠶᠢᠮᠠᠭ ᠤᠨ ᠤᠯᠤᠰ ᠠᠷᠠᠳ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠬᠦᠯᠤᠯᠲᠠ ᠶᠢᠨ ᠠᠷᠪᠡᠨ ᠭᠤᠷᠪᠡᠲᠤᠭᠠᠷ ᠲᠠᠪᠤᠨ ᠵᠢᠯ ᠤᠨ ᠲᠦᠯᠤᠪᠵᠢᠬᠦᠯᠬᠡ ᠶᠢᠨ ᠲᠤᠪᠴᠢ︾᠃      ︵ᠶᠢᠰᠤ︶  ︽ ᠲᠤᠮᠲᠠᠲᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶ᠎ᠠ᠂   ᠠᠶᠢᠮᠠᠭ ᠤᠨ ᠵᠠᠬᠢᠷᠭ᠎ᠠ ᠶᠢᠨ ᠮᠠᠯ ᠲᠠᠷᠢᠶᠠᠯᠠᠩ᠂  ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ ᠤ ᠠᠵᠢᠯ ᠢ ᠤᠯᠠᠮ ᠨᠢᠬᠡ ᠠᠯᠬᠤᠮ ᠴᠢᠩᠭᠠᠳᠬᠠᠬᠤ ᠲᠤᠬᠠᠢ ᠬᠡᠷᠡᠭᠵᠢᠬᠦᠯᠬᠦ ᠰᠨᠨᠠᠯ︾ ︵ ᠰᠢᠯᠢ ᠨᠠᠮ ᠲᠠᠷᠬᠠᠭᠠᠭᠰᠠᠨ ﹇2015﹈12 ᠳ᠋ᠤᠭᠠᠷ ᠲᠤᠭᠠᠲᠤ︶᠃      ︵ᠠᠷᠪᠠ︶  ︽ ᠲᠤᠮᠲᠠᠲᠤ ᠤᠯᠤᠰ  ᠎ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶ᠎ᠠ ᠂  ᠠᠶᠢᠮᠠᠭ ᠤᠨ ᠵᠠᠬᠢᠷᠭ᠎ᠠ ᠶᠢᠨ ᠰᠢᠯᠢᠲᠡᠭ ᠡᠬᠦᠯᠲᠠᠷ ᠤᠨ ᠦᠬᠡᠷ ᠮᠠᠯᠵᠢᠬᠤ ᠠᠵᠤ ᠦᠢᠯᠠᠰ ᠤᠨ ᠬᠦᠭᠵᠢᠯᠲᠠ ᠶᠢ ᠲᠦᠷᠬᠡᠳᠬᠡᠬᠦ ᠲᠤᠬᠠᠢ ᠲᠤᠭᠲᠠᠭᠠᠯ︾ ︵ ᠰᠢᠯᠢ ᠨᠠᠮ ᠲᠠᠷᠬᠠᠭᠠᠭᠰᠠᠨ ﹇2016﹈  6 ᠳ᠋ᠤᠭᠠᠷ ᠲᠤᠭᠠᠲᠤ︶︾᠃      ᠬᠤᠶᠠᠷ᠂  ᠪᠦᠬᠦ ᠠᠶᠢᠮᠠᠭ ᠤᠨ ᠮᠠᠯ ᠠᠵᠤ ᠠᠬᠤᠢ ᠶᠢᠨ ᠬᠦᠭᠵᠢᠯᠲᠠ ᠶᠢᠨ ᠤᠲᠤᠬᠢ ᠪᠠᠶᠢᠲᠠᠯ ᠪᠤᠯᠤᠨ ᠠᠵᠠ ᠲᠤᠬᠢᠶᠠᠯ      ᠪᠦᠬᠦ ᠠᠶᠢᠮᠠᠭ ᠲᠤ ᠨᠠᠶᠢᠲᠠ18 ᠲᠦᠮᠠᠨ  ᠬᠠᠪᠲᠠᠭᠠᠢ  ᠲᠦᠷᠪᠡᠯᠵᠢᠨ ᠺᠢᠯᠤᠮᠧᠲᠷ ᠠᠰᠢᠭᠯᠠᠵᠤ ᠪᠤᠯᠬᠤᠶᠢᠴᠠ  ᠪᠠᠶᠢᠭᠠᠯᠢᠯᠢᠭ ᠪᠠᠯᠴᠠᠬᠡᠷ ᠲᠠᠢ ᠪᠠᠶᠢᠵᠤ᠂ ᠮᠠᠯ ᠠᠵᠤ ᠠᠬᠤᠢ ᠶᠢᠨ ᠬᠦᠭᠵᠢᠯᠲᠠ ᠶᠢᠨ ᠲᠠᠤᠬᠡ ᠦᠨᠢ ᠤᠲᠠᠭᠠᠨ ᠵᠠᠷᠬᠡ ᠤᠬᠢ ᠰᠠᠶᠢᠨ ᠬᠦᠭᠵᠢᠯᠲᠠ ᠶᠢᠨ ᠰᠠᠭᠤᠷᠢ ᠲᠠᠢ ᠶᠤᠮ᠃ 2015 ᠤᠨ ᠳᠤ ᠪᠦᠬᠦ ᠠᠶᠢᠮᠠᠭ ᠤᠨ ᠮᠠᠯ ᠠᠵᠤ ᠠᠬᠤᠢ ᠎ ᠶᠢᠨ ᠮᠠᠯᠵᠢᠯ ᠤᠨ ᠤᠨ ᠤ ᠵᠤᠭᠰᠤᠭ᠎ᠠ  ᠪᠤᠲᠠ᠂ ᠪᠤᠭ ᠮᠠᠯ ᠤᠨ ᠲᠤᠭ᠎ᠠ ᠨᠠᠶᠢᠲᠠ1548  ᠲᠦᠮᠨ ᠳᠤ ᠬᠦᠷᠴᠤ᠂ 2014 ᠤᠨ ᠤ ᠬᠢ ᠠᠴᠠ671 ᠲᠦᠮᠠ ᠶᠠᠷᠤᠩᠬᠡᠢ ᠨᠡᠮᠡᠭᠲᠠᠨ᠂ ᠮᠠᠯ ᠤᠨ ᠶᠡᠷᠤᠩᠬᠡᠢ ᠨᠡᠮᠡᠭᠲᠠᠯ ᠤᠨ ᠨᠤᠷᠮ᠎ᠠ 45.7 %᠎ ᠳᠤ ᠬᠦᠷᠴᠠᠢ᠃ ᠡᠬᠦᠨ ᠳᠤ ᠲᠠᠵᠢᠬᠡᠵᠤ ᠪᠠᠶᠢᠭ᠎ᠠ ᠬᠤᠨᠢ 1386 ᠲᠦᠮᠠ  ᠬᠦᠷᠴᠤ᠂  ᠦᠬᠡᠷ139 ᠲᠦᠮᠠᠨ ᠲᠤᠯᠤᠭᠠᠢ ᠬᠦᠷᠤᠭ᠍ᠰᠠᠨ ᠪᠠᠶᠢᠨ᠎ᠠ᠃ ᠪᠦᠬᠦ ᠠᠶᠢᠮᠠᠭ  ᠎ ᠢᠶᠠᠷ ᠢᠶᠠᠨ ᠨᠠᠶᠢᠲᠠ 802  ᠲᠦᠮᠠᠠ ᠲᠤᠯᠤᠭᠠᠢ ᠮᠠᠯ ᠵᠠᠷᠤᠴᠠᠭᠤᠯᠵᠤ᠂ ᠡᠬᠦᠨ ᠳᠤ᠂ ᠬᠤᠨᠢ 744 ᠲᠦᠮᠠ᠂ ᠦᠬᠡᠷ 58 ᠲᠦᠮᠠᠠ ᠲᠤᠯᠤᠭᠠᠢ ᠵᠠᠷᠤᠴᠠᠭᠤᠯᠵᠠᠢ︔ ᠪᠦᠬᠦ ᠵᠢᠯ ᠤᠨ ᠮᠢᠬᠠᠨ ᠤ ᠶᠡᠷᠤᠩᠬᠡᠢ ᠦᠢᠯᠡᠳᠪᠤᠷᠢᠯᠠᠯ ᠤᠨ ᠬᠡᠮᠵᠢᠶ᠎ᠠ 26.6 ᠲᠦᠮᠠᠨ ᠲᠤᠨ ᠳᠤ ᠬᠦᠷᠴᠤ᠂ ᠮᠠᠨ ᠤ ᠤᠯᠤᠰ ᠤᠨ  ᠪᠤᠬᠢᠷᠲᠠᠯ ᠦᠬᠡᠢ ᠮᠠᠯ ᠤᠨ ᠪᠦᠲᠤᠬᠡᠭᠲᠠᠬᠦᠨ ᠢ ᠦᠢᠯᠡᠳᠪᠤᠷᠢᠯᠠᠵᠤ ᠭᠠᠷᠭᠠᠬᠤ ᠴᠢᠬᠤᠯᠠ ᠰᠠᠭᠤᠷᠢᠨ ᠭᠠᠵᠠᠷ ᠪᠤᠯᠵᠠᠢ᠃ ᠤᠲᠤᠬᠠᠨ ᠳᠤ ᠠᠵᠤ ᠠᠬᠤᠢ ᠶᠢᠨ ᠬᠦᠭᠵᠢᠯᠲᠠ ᠰᠢᠨ᠎ᠠ ᠬᠡᠪ ᠤᠨ ᠪᠠᠶᠢᠲᠠᠯ  ᠎ ᠳᠤ ᠤᠷᠤᠭᠰᠠᠨ ᠎ ᠠᠴᠠ᠂ ᠪᠦᠬᠦ ᠠᠶᠢᠮᠠᠭ ᠤᠨ ᠮᠠᠯ ᠠᠵᠤ ᠠᠬᠤᠢ ᠶᠢᠨ ᠬᠦᠭᠵᠢᠯᠲᠠ ︽ ᠬᠤᠷᠤᠭᠲᠠᠬᠤ︾᠂ ︽ ᠬᠤᠪᠢᠷᠠᠬᠤ︾᠂ ︽ ᠨᠡᠮᠡᠭᠲᠠᠬᠦ︾ ᠵᠠᠷᠬᠡ ᠤᠯᠠᠨ ᠵᠦᠢᠯ ᠤᠨ ᠰᠢᠯᠭᠠᠯᠲᠠ ᠪᠤᠯᠤᠨ ᠠᠵᠠ ᠲᠤᠬᠢᠶᠠᠯ ᠳᠤ ᠲᠤᠯᠭᠠᠷᠠᠵᠤ᠂ ᠰᠢᠨ᠎ᠠ ᠬᠦᠭᠵᠢᠯᠲᠠ ᠎ ᠶᠢᠨ ᠦᠢᠯᠠᠭᠠᠭᠲᠠᠬᠤᠨ ᠪᠤᠯᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠤᠴᠠ ᠶᠢᠨ ᠴᠢᠨᠠᠷᠲᠠᠢ ᠦᠬᠡᠷᠠᠴᠢᠯᠠᠯᠲᠠ ᠶᠢᠨ ᠱᠠᠭᠠᠷᠲᠠᠯᠭ᠎ᠠ ᠶᠢ ᠵᠢᠷᠤᠮᠯᠠᠵᠤ᠂ ᠪᠦᠬᠦ ᠠᠶᠢᠮᠠᠭ ᠤᠨ ᠮᠠᠯ ᠠᠵᠤ ᠠᠬᠤᠢ ᠶᠢᠨ ᠬᠦᠭᠵᠢᠯᠲᠠ ᠶᠢᠨ ᠤᠲᠤᠬᠢ ᠪᠠᠶᠢᠲᠠᠯ ᠢ ᠰᠢᠨᠵᠢᠯᠠᠬᠦ ᠤᠬᠠᠭᠠᠭᠴᠢ ᠪᠠᠷ ᠬᠢᠨᠠᠨ ᠠᠵᠢᠭᠯᠠᠬᠤ ᠳᠤ ᠢᠯᠠᠷᠬᠡᠢ ᠬᠦᠷᠤᠯᠴᠠᠬᠦ ᠦᠬᠡᠢ ᠲᠠᠯ᠎ᠠ ᠪᠤᠯᠤᠨ ᠲᠤᠬᠢᠷᠠᠯᠴᠠᠬᠤ ᠦᠬᠡᠢ ᠵᠦᠢᠯ ᠤᠷᠤᠰᠢᠵᠤ ᠪᠠᠶᠢᠭ᠎ᠠ ᠶᠤᠮ᠃       ᠨᠢᠬᠡ ᠳᠤ ᠰᠢᠨ᠎ᠠ ᠶᠢ ᠡᠬᠦᠲᠤᠨ ᠬᠦᠭᠵᠢᠬᠦᠯᠬᠦ ᠬᠦᠲᠠᠯᠬᠡᠭᠴᠢ ᠬᠦᠴᠤᠨ ᠬᠦᠷᠤᠯᠴᠠᠬᠦ ᠦᠬᠡᠢ ᠪᠠᠶᠢᠨ᠎ᠠ᠃ ᠪᠦᠬᠦ ᠠᠶᠢᠮᠠᠭ ᠤᠨ ᠮᠠᠯ ᠠᠵᠤ ᠠᠬᠤᠢ ᠶᠢᠨ ᠦᠢᠯᠡᠳᠪᠤᠷᠢᠯᠠᠯ ᠡᠵᠡᠩᠨᠠᠯᠲᠠ ᠶᠢᠨ ᠠᠷᠭ᠎ᠠ ᠪᠡᠷᠢᠯ ᠨᠢ ᠮᠦᠨ ᠯᠠ ᠮᠠᠰᠢ ᠪᠦᠲᠤᠬᠦᠯᠢᠭ ᠪᠠᠶᠢᠲᠠᠯ ᠳᠠᠭᠠᠨ ᠪᠠᠶᠢᠭᠰᠠᠭᠠᠷ᠂ ᠲᠦᠷᠢᠮᠵᠢᠭᠰᠡᠨ ᠲᠠᠵᠢᠬᠡᠵᠤ ᠦᠷᠠᠵᠢᠬᠦᠯᠬᠦ ᠬᠠᠮᠢᠶᠠᠷᠤᠯᠲᠠ ᠶᠢᠨ ᠬᠢᠷᠢ ᠲᠦᠪᠰᠢᠨ ᠲᠤᠤᠷ᠎ᠠ᠂ ᠰᠢᠨᠵᠢᠯᠠᠬᠦ ᠤᠬᠠᠭᠠᠭᠴᠢ ᠪᠠᠷ ᠪᠤᠷᠲᠤᠨ ᠲᠠᠷᠭᠤᠯᠠᠭᠤᠯᠬᠤ ᠬᠡᠪᠴᠢᠶ᠎ᠠ ᠪᠠᠭ᠎ᠠ᠂ ᠪᠡᠷᠢᠮᠵᠢᠶᠠᠵᠢᠭᠰᠠᠨ ᠬᠡᠮᠵᠢᠶ᠎ᠠ ᠲᠤᠤᠷ᠎ᠠ ᠪᠠᠶᠢᠵᠤ᠂ ᠭᠤᠤᠯ ᠨᠢ ᠲᠤᠭ᠎ᠠ ᠲᠤᠯᠤᠭᠠᠢ ᠳᠤ ᠲᠦᠰᠢᠭᠯᠡᠵᠤ᠂ ᠦᠷ᠎ᠠ ᠠᠰᠢᠭ ᠤᠯᠲᠠᠭ ᠪᠠᠶᠢᠲᠠᠯ  ᠎ ᠢᠶᠠᠨ ᠪᠠᠰᠠ ᠦᠨᠲᠤᠰᠤᠨ ᠠᠴᠠ ᠪᠠᠨ ᠪᠦᠲᠤᠮᠵᠢᠲᠠᠢ ᠬᠤᠪᠢᠷᠠᠭᠤᠯᠵᠤ ᠲᠠᠶᠢᠯᠤᠬᠡ ᠦᠬᠡᠢ ᠪᠠᠶᠢᠨ᠎ᠠ ᠃ ᠤᠲᠤ ᠪᠠᠶᠢᠭ᠎ᠠ ᠮᠠᠯ ᠤᠨ  ᠠᠰᠢᠭ ᠰᠢᠮ᠎ᠠ ᠶᠢᠨ ᠪᠦᠲᠤᠬᠡᠭᠲᠠᠬᠦᠨ ᠢ ᠡᠳ᠋ᠰᠢᠬᠦᠯᠤᠨ ᠪᠤᠯᠪᠠᠰᠤᠷᠠᠭᠤᠯᠬᠤ ᠠᠵᠤ ᠠᠬᠤᠶᠢᠯᠠᠯ ᠨᠢ ᠪᠠᠭ᠎ᠠ ᠪᠦᠬᠡᠳ ᠲᠠᠷᠬᠠᠢ ᠪᠤᠲᠠᠷᠬᠠᠢ᠂ ᠦᠢᠯᠡᠳᠪᠤᠷᠢᠯᠠᠯ ᠤᠨ ᠤᠷ᠎ᠠ ᠮᠡᠷᠬᠡᠵᠢᠯ ᠪᠠ ᠲᠤᠨᠤᠭ ᠲᠦᠬᠦᠬᠡᠷᠤᠮᠵᠢ ᠨᠢ ᠬᠤᠴᠤᠷᠤᠩᠭᠤᠢ᠂ ᠰᠢᠨᠵᠢᠯᠡᠭᠡ ᠮᠠᠷᠬᠡᠵᠢᠯ ᠤᠨ ᠲᠤᠯᠭᠠᠭᠤᠷᠢᠯᠠᠭᠤᠯᠬᠤ ᠴᠢᠲᠡᠪᠬᠢ ᠲᠤᠤᠷ᠎ᠠ ᠪᠠᠶᠢᠵᠤ ᠂ ᠠᠵᠤ ᠦᠢᠯᠠᠰ  ᠎ ᠤᠨ ᠬᠡᠯᠬᠢᠶᠠᠰᠤ ᠤᠷᠲᠤ᠂ ᠰᠢᠨ᠎ᠠ ᠶᠢ ᠡᠬᠦᠳᠬᠦ ᠴᠢᠲᠠᠪᠤᠷᠢ ᠪᠠᠷ ᠴᠢᠩᠭ᠎ᠠ᠂ ᠲᠠᠶᠢᠴᠢᠯᠠᠨ ᠲᠠᠭᠠᠭᠤᠯᠬᠤ ᠦᠢᠯᠠᠲᠤᠯ ᠶᠡᠭᠡ ᠤᠲᠤᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠠᠰᠵᠢᠭ᠍ᠰᠡᠨ ᠲᠤᠯᠤᠭᠠᠶᠢᠯᠠᠭᠴᠢ ᠠᠵᠤ  ᠠᠬᠤᠶᠢᠯᠠᠯ ᠲᠤᠲᠠᠭᠲᠠᠵᠤ ᠪᠠᠶᠢᠭ᠎ᠠ ᠪᠤᠯᠬᠤᠷ᠂ 90 %᠎ ᠠᠴᠠ ᠲᠠᠬᠡᠭᠰᠢᠬᠢ ᠮᠢᠬᠠᠨ ᠤ ᠪᠦᠲᠤᠬᠡᠭᠲᠠᠬᠦᠨ ᠨᠢ  ᠪᠠᠷᠢᠮᠵᠢᠶᠠᠵᠢᠭᠰᠠᠨ ᠨᠠᠷᠢᠨ ᠢᠯᠭᠠᠨ ᠪᠤᠯᠪᠡᠰᠤᠷᠠᠭᠤᠯᠤᠯᠲᠠ ᠶᠢ ᠲᠠᠮᠵᠢᠭᠰᠠᠨ ᠦᠬᠡᠢ᠂ ᠲᠤᠯᠤᠭᠠᠢ  ᠰᠢᠬᠢᠷ᠎ᠠ᠂ ᠰᠠᠬᠦᠯ᠂ ᠠᠷᠠᠰᠤ᠂ ᠨᠤᠤᠰᠤ ᠨᠤᠯᠤᠤᠷ᠂ ᠶᠠᠰᠤ ᠴᠢᠰᠤ᠂ ᠬᠡᠲᠠᠰᠤ ᠲᠤᠲᠤᠷ᠂  ᠬᠡᠤᠶᠢᠲᠤᠬᠢ ᠵᠠᠷᠬᠡ ᠲᠠᠭᠠᠯᠲᠠ ᠪᠦᠲᠤᠬᠡᠭᠲᠠᠬᠦᠨ  ᠎ ᠢ ᠨᠠᠷᠢᠯᠢᠭ ᠬᠦᠢᠴᠠᠳ ᠪᠤᠯᠪᠠᠰᠤᠷᠠᠭᠤᠯᠬᠤ ᠪᠠ ᠶᠡᠷᠤᠩᠬᠡᠶᠢᠯᠠᠨ ᠠᠰᠢᠭᠯᠠᠬᠤ ᠲᠠᠯ᠎ᠠ ᠪᠠᠷ ᠬᠦᠷᠤᠯᠴᠠᠬᠦ ᠦᠬᠡᠢ ᠪᠠᠶᠢᠵᠤ᠂ ᠨᠠᠩ ᠴᠤ ᠵᠠᠷᠢᠮ ᠲᠠᠭᠠᠯᠲᠠ ᠪᠦᠲᠤᠬᠡᠭᠲᠠᠬᠦᠨ ᠢᠶᠠᠨ ᠬᠠᠶᠠᠭᠲᠠᠮᠠᠯ ᠪᠤᠲᠠᠰ ᠢᠶᠠᠷ ᠰᠢᠢᠳᠪᠤᠷᠢᠯᠠᠵᠤ᠂ ᠮᠠᠯ ᠤᠨ  ᠠᠰᠢᠭ ᠰᠢᠮ᠎ᠠ ᠶᠢᠨ ᠪᠦᠲᠤᠬᠡᠭᠲᠠᠬᠦᠨ ᠤ ᠨᠠᠮᠠᠯᠲᠠ ᠦᠷᠲᠡᠭ ᠢ ᠲᠤᠤᠷ᠎ᠠ ᠪᠤᠯᠭᠠᠵᠤ᠂ ᠮᠠᠯ ᠠᠵᠤ ᠠᠬᠤᠢ ᠪᠠ ᠮᠠᠯ ᠤᠨ  ᠠᠰᠢᠭ ᠰᠢᠮ᠎ᠠ ᠶᠢᠨ ᠪᠦᠲᠤᠬᠡᠭᠲᠠᠬᠦᠨ ᠢ ᠪᠤᠯᠪᠠᠰᠤᠷᠠᠭᠤᠯᠬᠤ ᠦᠢᠯᠠᠰ ᠵᠢᠴᠢ ᠬᠠᠮᠢᠶ᠎ᠠ ᠪᠦᠬᠦᠢ ᠠᠵᠤ ᠦᠢᠯᠠᠰ ᠤᠨ ᠪᠦᠬᠦᠯᠢ ᠴᠤᠭᠴᠠ ᠶᠢᠨ ᠬᠦᠭᠵᠢᠯᠲᠠ ᠶᠢᠨ ᠴᠢᠨᠠᠷ ᠪᠤᠯᠤᠨ ᠦᠷ᠎ᠠ ᠠᠰᠢᠭ ᠢ ᠲᠤᠤᠷᠤᠭᠰᠢᠭᠤᠯᠵᠤ ᠪᠠᠶᠢᠨ᠎ᠠ᠃      ᠬᠤᠶᠠᠷ ᠲᠤ ᠵᠤᠬᠢᠴᠠᠩᠭᠤᠢ ᠬᠦᠭᠵᠢᠯᠲᠠ ᠶᠢᠨ ᠵᠠᠮ ᠨᠢ ᠵᠢᠭᠲᠡ ᠪᠤᠰᠤ᠃ ᠪᠦᠬᠦ ᠠᠶᠢᠮᠠᠭ ᠤᠨ ᠬᠤᠶᠠᠲᠤᠭᠠᠷ ᠠᠵᠤ ᠦᠢᠯᠠᠰ ᠤᠨ ᠪᠦᠲᠤᠴᠠ ᠲᠠᠩ ᠴᠤᠯᠭᠤᠢ᠂ ᠭᠤᠤᠯᠲᠠᠭᠤ ᠡᠬᠢ ᠪᠠᠶᠠᠯᠢᠭ ᠪᠠ ᠡᠨᠧᠷᠬᠢ ᠳᠤ ᠲᠦᠰᠢᠭᠯᠡᠭᠰᠠᠨ ᠬᠡᠯᠪᠡᠷᠢ ᠪᠠᠷ ᠭᠤᠤᠯᠯᠠᠵᠤ᠂ ︽ ᠭᠠᠭᠴᠠ ᠨᠠᠬᠦᠷᠠᠰᠤ ᠪᠠᠷ ᠭᠤᠤᠯᠯᠠᠵᠤ ᠪᠤᠢ︾  ︔ ᠤᠲᠤᠬᠢ ᠪᠦᠬᠦ ᠤᠯᠤᠰ ᠤᠨ ᠴᠠᠬᠢᠯᠭᠠᠨ ᠬᠡᠷᠡᠭᠰᠠᠬᠦ ᠬᠡᠮᠵᠢᠶᠠᠨ ᠤ ᠨᠡᠮᠡᠭᠲᠠᠬᠦ ᠬᠤᠷᠲᠤᠴᠠ ᠶᠢᠨ ᠤᠲᠠᠭᠠᠰᠢᠷᠠᠭᠰᠠᠨ᠂ ᠴᠠᠬᠢᠯᠭᠠᠨ ᠬᠦᠴᠤᠨ ᠤ ᠬᠠᠨᠭ᠍ᠭᠠᠯᠭ᠎ᠠ ᠬᠡᠷᠡᠭᠴᠡᠭᠡ ᠶᠡᠷᠤᠩᠬᠡᠢ ᠳᠡᠭᠡᠨ ᠬᠠᠨᠭ᠍ᠭᠠᠮᠵᠢᠲᠠᠢ᠂ ᠴᠢᠯᠠᠭᠤᠵᠢᠮᠠᠯ ᠡᠨᠧᠷᠬᠢ ᠶᠢᠨ ᠬᠡᠷᠡᠭᠯᠠᠬᠡᠨ ᠤ ᠬᠤᠪᠢ ᠶᠢᠨ ᠵᠢᠩ ᠪᠠᠭᠤᠷᠠᠭᠰᠠᠨ ᠵᠠᠷᠬᠡ ᠨᠦᠯᠤᠬᠡ ᠠᠴᠠ ᠪᠤᠯᠵᠤ᠂ ᠨᠠᠬᠦᠷᠠᠰᠤ ᠴᠠᠬᠢᠯᠭᠠᠨ ᠤ ᠬᠦᠭᠵᠢᠯᠲᠠ ᠶᠢᠨ ᠤᠷᠤᠨ ᠵᠠᠢ ᠪᠠᠭᠠᠰᠤᠭᠰᠠᠨ ᠪᠠᠶᠢᠨ᠎ᠠ᠃ ᠪᠦᠬᠦ ᠠᠶᠢᠮᠠᠭ ᠤᠨ ᠬᠤᠶᠠᠳᠤᠭᠠᠷ ᠠᠵᠤ ᠦᠢᠯᠠᠰ ᠪᠤᠯᠤᠨ ᠨᠢᠬᠡᠲᠤᠬᠡᠷ᠂ ᠭᠤᠷᠪᠡᠲᠤᠭᠠᠷ ᠠᠵᠤ ᠦᠢᠯᠠᠰ ᠤᠨ ᠤᠶᠠᠯᠲᠤᠯ ᠨᠢᠭᠲᠠ ᠪᠢᠰᠢ᠂ ᠠᠵᠤ ᠦᠢᠯᠡᠳᠪᠤᠷᠢ ᠶᠢᠨ ᠮᠠᠯ ᠠᠵᠤ ᠠᠬᠤᠢ ᠶᠢᠨ ᠬᠦᠭᠵᠢᠯᠲᠠ ᠎ ᠳᠠᠬᠢ ᠲᠠᠭᠠᠭᠤᠯᠤᠭᠴᠢ ᠦᠢᠯᠠᠲᠤᠯ ᠴᠢᠩᠭ᠎ᠠ ᠪᠢᠰᠢ᠃ ᠨᠢᠬᠡᠲᠤᠬᠡᠷ ᠠᠵᠤ ᠦᠢᠯᠠᠰ ᠤᠨ ᠭᠤᠤᠯ ᠴᠤᠭᠴᠠ ᠪᠤᠯᠤᠭᠰᠠᠨ ᠮᠠᠯ ᠠᠵᠤ ᠠᠬᠤᠢ ᠨᠢ ᠬᠠᠮᠢᠶ᠎ᠠ ᠪᠦᠬᠦᠢ ᠲᠠᠷᠢᠵᠤ ᠲᠠᠵᠢᠬᠡᠬᠦ ᠪᠤᠯᠪᠡᠰᠤᠷᠠᠭᠤᠯᠬᠤ ᠡᠯ᠎ᠠ ᠭᠤᠭᠴᠤᠭᠠᠨ ᠳᠠᠬᠢ ᠬᠤᠯᠪᠤᠭᠠᠰᠤ ᠨᠢᠭᠲᠠ ᠪᠤᠰᠤ︔ ᠰᠢᠯᠢᠲᠡᠭ ᠪᠤᠷᠲᠤᠭᠠᠨ ᠡᠪᠡᠰᠤᠨ ᠤ ᠲᠠᠷᠢᠮᠠᠯ ᠤᠨ ᠲᠠᠯᠠᠪᠠᠢ ᠪᠠᠭ᠎ᠠ᠂ ᠶᠡᠭᠡ  ᠬᠡᠪᠴᠢᠶ᠎ᠠ ᠪᠠᠷ ᠲᠦᠮᠤᠰᠤ ᠲᠠᠷᠢᠵᠤ᠂ ᠬᠢᠮᠢ ᠶᠢᠨ ᠪᠤᠷᠲᠤᠭᠤᠷ᠂ ᠲᠠᠷᠢᠶᠠᠨ ᠡᠮ ᠤᠨ ᠬᠡᠷᠡᠭᠯᠡᠭᠰᠠᠨ ᠬᠡᠮᠵᠢᠶ᠎ᠠ ᠶᠡᠭᠡ᠂ ᠭᠠᠵᠠᠷ ᠲᠤᠤᠷᠠᠬᠢ ᠤᠰᠤ ᠶᠢ ᠬᠡᠲᠤᠷᠬᠡᠢ ᠨᠡᠬᠡᠬᠡᠨ ᠠᠰᠢᠭᠯᠠᠭᠰᠠᠨ ᠵᠠᠷᠬᠡ ᠰᠢᠯᠲᠠᠭᠠᠨ ᠠᠴᠠ ᠪᠤᠯᠵᠤ᠂ ᠲᠠᠷᠢᠮᠠᠯ ᠤᠨ ᠦᠢᠯᠠᠰ ᠦᠷᠬᠦᠯᠵᠢᠯᠠᠨ ᠬᠦᠭᠵᠢᠬᠦ ᠳᠤ ᠬᠦᠴᠢᠷᠲᠠᠢ ᠪᠤᠯᠤᠭᠰᠠᠨ ᠪᠠᠶᠢᠨ᠎ᠠ᠃ ᠮᠠᠯ ᠠᠵᠤ ᠠᠬᠤᠢ ᠶᠢᠨ ᠲᠤᠲᠤᠭᠠᠲᠤᠬᠢ ᠪᠦᠲᠤᠴᠨ ᠵᠦᠢ ᠵᠤᠬᠢᠰ ᠦᠬᠡᠢ ᠪᠠᠶᠢᠵᠤ ︽ ᠬᠤᠨᠢ ᠪᠠᠷ ᠭᠤᠤᠯᠯᠠᠵᠤ︾᠂ ᠪᠦᠬᠦ ᠠᠶᠢᠮᠠᠭ ᠤᠨ ᠠᠷᠠᠴᠢᠯᠠᠨ ᠲᠠᠵᠢᠬᠡᠵᠤ ᠪᠠᠶᠢᠭ᠎ᠠ ᠮᠠᠯ ᠤᠨ ᠲᠤᠭ᠎ᠠ ᠪᠤᠲᠠᠲᠠᠢ ᠲᠠᠬᠡᠷ᠎ᠠ ᠪᠠᠨ1800 ᠲᠦᠮᠠᠨ ᠳᠤ ᠤᠶᠢᠷᠠᠳᠴᠤ᠂ ᠡᠬᠦᠨ ᠳᠤ᠂ ᠠᠷᠠᠴᠢᠯᠠᠨ ᠲᠠᠵᠢᠬᠡᠵᠤ ᠪᠠᠶᠢᠭ᠎ᠠ ᠦᠬᠡᠷ ᠤᠨ ᠲᠤᠭ᠎ᠠ ᠨᠢ ᠪᠦᠬᠦ ᠲᠤᠭᠠᠨ ᠤ ᠪᠠᠨ ᠵᠦᠪᠬᠡᠨ7 %᠎ ᠶᠢ ᠡᠵᠠᠯᠠᠵᠤ᠂ ᠰᠢᠯᠢᠲᠡᠭ ᠡᠬᠦᠯᠲᠠᠷ ᠤᠨ ᠮᠢᠬᠠᠨ ᠤ ᠦᠬᠡᠷ ᠲᠠᠢ ᠬᠠᠷᠢᠴᠠᠭᠤᠯᠪᠠᠯ᠂  ᠪᠤᠲᠠᠭᠠᠯᠠᠢ ᠪᠡᠶ᠎ᠠ ᠶᠢᠨ ᠴᠢᠲᠠᠪᠬᠢ᠂ ᠦᠰᠤᠯᠲᠠ ᠎ ᠶᠢᠨ ᠬᠤᠷᠲᠤᠴᠠ᠂ ᠮᠢᠬᠠᠨ ᠤ ᠴᠢᠨᠠᠷ ᠵᠠᠷᠬᠡ ᠲᠠᠯ᠎ᠠ ᠪᠠᠷ ᠢᠯᠠᠷᠬᠡᠢ ᠵᠦᠷᠢᠶ᠎ᠠ ᠲᠠᠢ ᠪᠠᠶᠢᠵᠤ᠂ ᠡᠬᠦᠨ ᠳᠤ  ᠲᠦᠯᠯᠠᠬᠦ ᠵᠤᠬᠢᠰᠲᠠᠢ ᠦᠨᠢᠶ᠎ᠠ ᠨᠢ ᠵᠦᠪᠬᠡᠨ80 ᠲᠦᠮᠠ ᠪᠠᠶᠢᠨ᠎ᠠ᠃ ᠪᠦᠬᠦ ᠠᠶᠢᠮᠠᠭ ᠤᠨ ᠮᠠᠯ ᠤᠨ ᠭᠠᠷᠭᠠᠯᠲᠠ ᠨᠢ ᠨᠠᠮᠤᠷ ᠤᠨ ᠤᠯᠠᠷᠢᠯ  ᠎ ᠳᠤ ᠯᠠ ᠲᠦᠪᠯᠠᠷᠠᠵᠤ᠂ ᠲᠠᠵᠢᠬᠡᠨ ᠦᠷᠠᠵᠢᠬᠦᠯᠬᠦ ᠪᠤᠯᠤᠨ ᠡᠳ᠋ᠰᠢᠬᠦᠯᠤᠨ ᠪᠤᠯᠪᠡᠰᠤᠷᠠᠭᠤᠯᠬᠤ ᠭᠤᠭᠴᠤᠭᠠᠨ ᠎ ᠤ ᠲᠠᠩᠴᠠᠬᠦᠷᠢ ᠦᠬᠡᠢ ᠪᠠᠶᠢᠲᠠᠯ ᠢ ᠪᠤᠢ ᠪᠤᠯᠭᠠᠵᠠᠢ᠃      ᠭᠤᠷᠪᠠ ᠳᠤ ᠪᠤᠬᠢᠷᠲᠤᠯ ᠦᠬᠡᠢ ᠬᠦᠭᠵᠢᠯᠲᠠ ᠶᠢᠨ ᠡᠬᠦᠷᠬᠡ  ᠪᠠᠴᠢᠮ ᠲᠤᠯᠭᠠᠮ᠎ᠠ  ᠪᠠᠶᠢᠨ᠎ᠠ᠃ ᠪᠦᠬᠦ ᠠᠶᠢᠮᠠᠭ ᠎ ᠤᠨ ᠲᠠᠯ᠎ᠠ ᠨᠤᠲᠤᠭ ᠤᠨ ᠠᠮᠢ ᠠᠬᠤᠢ ᠤᠷᠴᠢᠨ ᠲᠤᠭᠤᠷᠢᠨ ᠤ  ᠮᠠᠭᠤᠵᠢᠷᠠᠭᠰᠠᠨ  ᠶᠡᠷᠤᠩᠬᠡᠢ ᠪᠠᠶᠢᠲᠠᠯ ᠬᠡᠲᠤᠶᠢᠪᠡᠷ ᠨᠡᠯᠢᠶᠠᠳ ᠰᠠᠶᠢᠵᠢᠷᠠᠭᠰᠠᠨ ᠪᠤᠯᠪᠡᠴᠤ᠂ ᠮᠦᠨᠬᠦ ᠲᠤᠩ ᠬᠡᠪᠡᠷᠡᠭ ᠪᠠᠶᠢᠵᠤ᠂ ᠬᠤᠯᠠᠨ ᠰᠢᠷᠭ᠎ᠠ ᠲᠠᠭ᠎ᠠ ᠶᠢᠨ ᠡᠯᠠᠰᠤ ᠪᠤᠯᠤᠨ ᠦᠵᠤᠮᠤᠴᠢᠨ ᠭᠠᠭ᠋ᠠᠢ ᠡᠯᠡᠰᠤ ᠬᠤᠶᠠᠷ ᠶᠡᠭᠡ ᠡᠯᠡᠰᠤᠷᠬᠡᠭ ᠭᠠᠵᠠᠷ ᠤᠨ ᠶᠡᠷᠤᠩᠬᠡᠢ ᠲᠠᠯᠠᠪᠡᠢ1 ᠳ᠋ᠦᠡᠭᠰᠢᠭᠤᠷ ᠮᠤ᠋ ᠪᠠᠶᠢᠵᠤ᠂ ᠪᠦᠬᠦ ᠠᠶᠢᠮᠠᠭ ᠤᠨ ᠶᠠᠷᠤᠩᠬᠡᠢ ᠭᠠᠵᠠᠷ ᠨᠤᠲᠤᠭ ᠤᠨ ᠲᠠᠯᠠᠪᠠᠢ ᠶᠢᠨ1/3᠎ ᠶᠢ ᠡᠵᠠᠯᠠᠵᠤ᠂ ᠡᠯᠠᠰᠤᠷᠬᠡᠭᠵᠢᠵᠤ  ᠪᠠᠶᠢᠭ᠎ᠠ ᠪᠠᠶᠢᠲᠠᠯ ᠵᠤᠬᠢᠬᠤ ᠬᠡᠮᠵᠢᠶᠠᠨ ᠤ ᠭᠠᠵᠠᠷ  ᠤᠷᠤᠨ ᠳᠤ ᠦᠨᠲᠤᠰᠤᠨ ᠳᠡᠭᠡᠨ ᠬᠤᠪᠢᠷᠠᠭᠠᠳᠤᠢ ᠪᠠᠶᠢᠭᠰᠠᠭᠠᠷ᠃ ᠤᠲᠤᠬᠠᠨ ᠳᠤ᠂ ᠪᠦᠬᠦ ᠠᠶᠢᠮᠠᠭ ᠤᠨ ᠬᠡᠪᠴᠢᠶᠠᠨ ᠳᠤ ᠪᠡᠯᠴᠢᠬᠡᠷ ᠤᠨ ᠲᠠᠭᠠᠭᠠᠴᠠ ᠎ ᠠᠴᠠ ᠪᠠᠨ ᠬᠡᠲᠤᠷᠠᠲᠠᠯ᠎ᠠ ᠮᠠᠯᠵᠢᠵᠤ ᠪᠠᠶᠢᠭ᠎ᠠ ᠪᠠᠶᠢᠲᠠᠯ ᠠᠲᠠᠯᠢ ᠪᠤᠰᠤ ᠬᠡᠮᠵᠢᠶ᠎ᠠ ᠪᠠᠷ ᠤᠷᠤᠰᠢᠵᠤ᠂ 2015 ᠤᠨ ᠤ ᠪᠠᠶᠢᠴᠠᠭᠠᠨ ᠪᠦᠷᠢᠳᠬᠡᠯ ᠢ ᠦᠨᠲᠤᠰᠤᠯᠠᠪᠠᠯ᠂ ᠪᠦᠬᠦ ᠠᠶᠢᠮᠠᠭ ᠤᠨ ᠨᠤᠲᠤᠭ ᠪᠠᠯᠴᠢᠬᠡᠷ ᠤᠨ ᠮᠠᠯᠵᠢᠯ ᠤᠨ ᠬᠡᠮᠵᠢᠶ᠎ᠠ ᠲᠠᠭᠠᠭᠠᠴᠠ ᠠᠴᠠ ᠪᠠᠨ ᠲᠠᠬᠢᠨ ᠢᠯᠠᠬᠦᠤ ᠬᠡᠲᠤᠷᠠᠵᠤ᠂ ᠪᠤᠭ ᠮᠠᠯ  ᠎ ᠢᠶᠠᠷ ᠭᠤᠤᠯᠲᠠᠵᠤ᠂ ᠠᠭᠤᠷ ᠠᠮᠢᠰᠬᠤᠯ ᠤᠨ ᠭᠠᠨᠭ᠌ ᠬᠠᠭᠤᠷᠠᠢ ᠵᠠᠷᠬᠡ ᠰᠢᠯᠲᠠᠭᠠᠨ ᠠᠴᠠ ᠪᠤᠯᠵᠤ᠂ ᠨᠤᠲᠤᠭ ᠪᠠᠯᠴᠢᠬᠡᠷ ᠤᠨ ᠲᠠᠷᠤᠭᠠᠰᠤ ᠨᠠᠯᠢᠶᠠᠳ ᠶᠡᠭᠡ ᠪᠤᠯᠵᠠᠢ᠃ ᠦᠢᠷ᠎ᠠ ᠶᠢᠨ ᠵᠢᠯ ᠠᠴᠠ᠂ ᠪᠠᠶᠢᠭᠠᠯᠢᠯᠢᠭ ᠨᠤᠲᠤᠭ ᠪᠠᠯᠴᠢᠬᠡᠷ ᠤᠨ ᠲᠠᠸᠠᠷᠴᠢᠯᠠᠯᠲᠠ ᠬᠢᠵᠤ ᠬᠡᠲᠤᠷᠬᠡᠢ ᠬᠠᠲᠤᠯᠠᠩ ᠠᠪᠤᠭᠰᠠᠨ ᠠᠰᠠᠭᠤᠲᠠᠯ ᠨᠡᠯᠢᠶᠠᠳ ᠲᠤᠪᠤᠶᠢᠮ᠎ᠠ ᠪᠠᠶᠢᠵᠤ᠂ ᠶᠡᠭᠡ ᠬᠡᠮᠵᠢᠶᠠᠨ ᠤ ᠪᠠᠶᠢᠭᠠᠯᠢᠯᠢᠭ ᠲᠠᠵᠢᠬᠡᠯ ᠡᠪᠡᠰᠤ ᠶᠢ ᠭᠠᠲᠠᠭᠰᠢ ᠪᠤᠷᠤᠯᠠᠭᠤᠯᠤᠨ᠂ ᠠᠶᠢᠮᠠᠭ ᠤᠨ ᠲᠤᠲᠤᠭᠠᠲᠤ ᠳᠠᠬᠢ ᠨᠦᠬᠡᠴᠢᠯᠠᠯᠲᠠ ᠲᠤᠲᠠᠮᠠᠭ ᠪᠠᠶᠢᠵᠤ᠂ ᠲᠠᠯᠬᠢᠭᠲᠠᠯ ᠤᠨ ᠴᠢᠨᠠᠷᠲᠠᠢ ᠡᠵᠡᠩᠨᠠᠯᠲᠠ ᠠᠴᠠ ᠪᠤᠯᠵᠤ᠂ ᠨᠤᠲᠤᠭ ᠪᠠᠯᠴᠢᠬᠡᠷ ᠡᠯᠡᠰᠤᠷᠬᠡᠭᠵᠢᠵᠤ ᠮᠠᠭᠤᠵᠢᠷᠠᠵᠠᠢ᠃ ᠴᠠᠭ ᠠᠭᠤᠷ ᠤᠨ ᠰᠠᠯᠠᠭ᠎ᠠ ᠮᠦᠴᠢᠷ ᠤᠨ ᠪᠦᠷᠢᠳᠬᠡᠯ ᠢ ᠦᠨᠲᠤᠰᠤᠯᠠᠪᠠᠯ᠂ 2016 ᠤᠨ ᠤ ᠬᠠᠪᠤᠷ ᠠᠴᠠ ᠨᠠᠰᠢ ᠪᠦᠬᠦ ᠠᠶᠢᠮᠠᠭ ᠤᠨ ᠬᠡᠪᠴᠢᠶᠠᠨ ᠳᠤ 7 ᠤᠲᠠᠭ᠎ᠠ  ᠡᠯᠡᠰᠤᠨ  ᠰᠢᠭᠤᠷᠭ᠎ᠠ ᠲᠡᠭᠲᠠᠵᠤ᠂  ᠡᠩ ᠤᠨ ᠵᠢᠯ ᠠᠴᠠ4 ᠤᠲᠠᠭ᠎ᠠ ᠢᠯᠠᠬᠦᠤ ᠪᠠᠶᠢᠵᠤ᠂ 32 ᠤᠲᠠᠭ᠎ᠠ  ᠲᠤᠭᠤᠰᠤ ᠲᠡᠭᠲᠠᠵᠤ᠂ ᠡᠩ ᠤᠨ ᠵᠢᠯ ᠠᠴᠠ 24 ᠤᠲᠠᠭ᠎ᠠ ᠢᠯᠠᠬᠦᠤ ᠪᠠᠶᠢᠵᠤ᠂2012 ᠤᠨ ᠠᠴᠠ  ᠨᠠᠰᠢ ᠡᠯᠡᠰᠤ ᠲᠤᠭᠤᠰᠤ ᠬᠠᠮᠤᠭ ᠤᠯᠠᠨ ᠡᠬᠦᠰᠤᠭ᠍ᠰᠠᠨ ᠵᠢᠯ ᠪᠤᠯᠵᠠᠢ᠃ ᠠᠮᠢ ᠠᠬᠤᠢ ᠪᠤᠯ ᠡᠬᠢ ᠪᠠᠶᠠᠯᠢᠭ᠂ ᠠᠮᠢ ᠠᠬᠤᠢ ᠪᠤᠯ ᠦᠢᠯᠡᠳᠪᠤᠷᠢᠯᠠᠯ ᠤᠨ ᠬᠦᠴᠤᠨ ᠪᠤᠯᠬᠤᠷ᠂ ᠪᠢᠲᠠᠨ ᠡᠷᠬᠡᠪᠰᠢ  ᠴᠠᠩᠬᠡᠭ ᠤᠰᠤ ᠬᠦᠬᠡᠮᠲᠤᠭ᠌  ᠠᠭᠤᠯᠠ ᠪᠤᠯ ᠠᠯᠲᠠ ᠮᠦᠡᠭᠬᠦᠨ ᠠᠭᠤᠯᠠᠰ ᠪᠤᠯᠬᠤ ᠰᠠᠳᠬᠢᠴᠠ  ᠎ ᠶᠢ ᠪᠠᠳᠤ ᠪᠠᠬᠢ ᠪᠤᠢ ᠪᠤᠯᠭᠠᠵᠤ᠂ ᠲᠠᠯ᠎ᠠ ᠨᠤᠲᠤᠭ ᠤᠨ ᠠᠮᠢ ᠠᠬᠤᠢ ᠤᠷᠴᠢᠨ ᠲᠤᠭᠤᠷᠢᠨ ᠢ ᠦᠨᠠᠨᠬᠦ ᠰᠠᠶᠢᠲᠤᠷ ᠬᠠᠮᠠᠭᠠᠯᠠᠬᠤ ᠬᠡᠷᠡᠭᠲᠠᠢ ᠶᠤᠮ᠃      ᠲᠦᠷᠪᠠ ᠳᠤ ᠴᠢᠯᠤᠬᠡᠲᠤ ᠬᠦᠭᠵᠢᠯᠲᠠ ᠶᠢᠨ ᠠᠯᠬᠤᠴᠠ ᠤᠲᠠᠭᠠᠪᠳᠤᠷ ᠪᠠᠶᠢᠨ᠎ᠠ᠃ ᠦᠢᠷ᠎ᠠ ᠶᠢᠨ ᠵᠢᠯ ᠠᠴᠠ ᠬᠡᠲᠤᠶᠢᠪᠡᠷ ᠪᠦᠬᠦ ᠠᠶᠢᠮᠠᠭ ᠤᠨ ᠮᠠᠯ ᠠᠵᠤ ᠠᠬᠤᠢ ᠶᠢᠨ ᠦᠬᠡᠷᠠᠴᠢᠯᠠᠯᠲᠠ ᠶᠢᠨ ᠬᠦᠭᠵᠢᠯᠲᠠ ᠳᠤ  ᠢᠲᠡᠪᠬᠢᠲᠠᠢ  ᠰᠦᠪᠡᠭᠴᠢᠯᠯᠠᠲᠠ ᠬᠢᠭᠰᠡᠨ ᠪᠤᠯᠪᠡᠴᠤ᠂ ᠤᠯᠤᠰ ᠤᠨ ᠲᠤᠲᠤᠭᠠᠲᠤ ᠭᠠᠲᠠᠭᠠᠲᠤ ᠶᠢᠨ ᠤᠲᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠲᠠ ᠶᠢᠨ ᠲᠤᠷᠰᠢᠯᠭ᠎ᠠ ᠶᠢ ᠠᠰᠢᠭᠯᠠᠵᠤ᠂ ᠴᠢᠬᠤᠯᠠ ᠲᠤᠮᠤ ᠦᠬᠡᠷᠠᠴᠢᠯᠠᠯᠲᠠ ᠬᠢᠬᠦ ᠬᠦᠴᠤᠯᠠᠴᠠ ᠲᠤᠲᠠᠮᠠᠭ ᠪᠠᠶᠢᠵᠤ᠂ ᠤᠯᠤᠰ ᠤᠨ ᠲᠤᠲᠤᠭᠠᠲᠤ ᠭᠠᠲᠠᠭᠠᠲᠤ ᠶᠢᠨ ᠲᠠᠪᠰᠢᠭᠰᠠᠨ ᠮᠠᠷᠬᠡᠵᠢᠯ᠂ ᠡᠬᠢ ᠪᠠᠶᠠᠯᠢᠭ᠂ ᠪᠠᠯᠠ ᠮᠦᠡᠭᠬᠦ᠂   ᠬᠦᠮᠤᠨ ᠤ ᠬᠦᠴᠤᠨ ᠵᠠᠷᠬᠡ   ᠡᠯᠧᠮᠧᠨ᠋ᠲ ᠢ ᠠᠰᠢᠭᠯᠠᠨ᠂ ᠬᠡᠯᠪᠡᠷᠢ ᠶᠢ ᠬᠤᠪᠢᠷᠠᠭᠤᠯᠬᠤ ᠬᠦᠭᠵᠢᠯᠲᠠ ᠶᠢ ᠪᠠᠶᠠᠯᠠᠬᠦᠯᠵᠤ᠂ ᠵᠠᠬ᠎ᠠ ᠲᠠᠯᠬᠡᠬᠦᠷ ᠤᠨ ᠡᠷᠬᠡ ᠪᠠᠶᠢᠷᠢ ᠪᠠᠨ ᠦᠷᠬᠡᠳᠬᠡᠬᠦ ᠵᠠᠷᠬᠡ ᠲᠠᠯ᠎ᠠ ᠪᠠᠷ ᠢᠯᠠᠷᠬᠡᠢ ᠬᠦᠭᠵᠢᠯᠲᠠ ᠦᠬᠡᠢ ᠪᠠᠶᠢᠭᠰᠠᠭᠠᠷ᠃ ᠰᠢᠯᠢ ᠶᠢᠨ ᠭᠤᠤᠯ ᠤᠨ ᠪᠤᠬᠢᠷᠲᠤᠯ  ᠦᠬᠡᠢ ᠨᠠᠷᠠᠳᠤ ᠲᠠᠮᠲᠡᠭ ᠢ ᠪᠤᠲᠠᠲᠠᠶᠢᠵᠢᠭᠤᠯᠵᠤ᠂  ᠪᠤᠵᠠᠭᠠᠶᠢᠷᠠᠭᠤᠯᠵᠤ  ᠬᠦᠴᠤᠷᠬᠡᠭᠵᠢᠬᠦᠯᠵᠤ ᠲᠠᠶᠢᠯᠤᠬᠡ ᠦᠬᠡᠢ᠂ ᠵᠠᠬ᠎ᠠ ᠲᠠᠯᠬᠡᠬᠦᠷ ᠤᠨ ᠦᠷᠢᠰᠤᠯᠲᠤᠭ᠍ᠴᠢ ᠬᠦᠴᠤᠨ ᠨᠠᠶᠢᠲᠠᠮ ᠲᠤᠲᠠᠮᠠᠭ᠂ ᠵᠠᠬ᠎ᠠ ᠲᠠᠯᠬᠡᠬᠦᠷ ᠤᠨ ᠲᠦᠭᠰᠢᠬᠦᠷᠢ ᠶᠢ ᠡᠰᠠᠷᠬᠦᠴᠠᠬᠦ ᠴᠢᠲᠠᠪᠤᠷᠢ ᠲᠤᠷᠤᠢ᠂ ᠰᠢᠯᠢᠲᠡᠭ ᠴᠢᠨᠠᠷ ᠎ ᠤᠨ  ᠮᠠᠯ ᠤᠨ ᠠᠰᠢᠭ ᠰᠢᠮ᠎ᠠ ᠶᠢᠨ ᠪᠦᠲᠤᠬᠡᠭᠲᠠᠬᠦᠨ ᠤ ᠦᠨᠳᠤᠷ ᠦᠨ᠎ᠠ ᠶᠢ ᠪᠠᠶᠠᠯᠠᠬᠦᠯᠵᠤ ᠲᠠᠶᠢᠯᠤᠬᠡ ᠦᠬᠡᠢ  ᠪᠠᠶᠢᠵᠤ᠂ ᠨᠠᠩ ᠴᠤ ᠤᠯᠤᠰ ᠤᠨ ᠲᠤᠲᠤᠭᠠᠲᠤ ᠳᠠᠬᠢ ᠲᠤᠮᠲᠠ  ᠲᠡᠬᠡᠲᠤ ᠲᠠᠰ ᠤᠨ ᠵᠠᠬ᠎ᠠ ᠲᠠᠯᠬᠡᠬᠦᠷ ᠢ ᠲᠤᠭᠲᠠᠭᠤᠨ ᠎ ᠢᠶᠠᠷ ᠡᠵᠠᠯᠠᠵᠤ᠂ ᠲᠠᠯᠠᠬᠡᠢ ᠶᠢᠨ ᠵᠠᠬ᠎ᠠ ᠲᠠᠯᠬᠡᠬᠦᠷ ᠲᠤ   ᠤᠷᠤᠵᠤ ᠲᠠᠶᠢᠯᠤᠬᠡ ᠦᠬᠡᠢ ᠪᠠᠶᠢᠭᠰᠠᠭᠠᠷ᠃       ᠲᠠᠪᠤ ᠳᠤ ᠬᠠᠮᠳᠤᠪᠡᠷ ᠡᠳ᠋ᠯᠠᠬᠦ ᠬᠦᠭᠵᠢᠯᠲᠠ ᠶᠢᠨ ᠲᠤᠯᠭᠠᠭᠤᠷᠢ ᠬᠦᠴᠤᠨ ᠢᠶᠠᠷ ᠲᠤᠷᠤᠢ  ᠪᠠᠶᠢᠨ᠎ᠠ᠃ 2015 ᠤᠨ ᠳᠤ᠂ ᠪᠦᠬᠦ ᠠᠶᠢᠮᠠᠭ ᠤᠨ ᠮᠠᠯᠴᠢᠨ ᠲᠠᠷᠢᠶᠠᠴᠢᠨ ᠤ ᠬᠦᠮᠤᠨ ᠲᠤᠮᠲᠠᠴᠢ ᠶᠢᠨ ᠲᠤᠬᠢᠷᠠᠭᠤᠯᠵᠤ ᠪᠤᠯᠬᠤᠶᠢᠴᠠ ᠤᠷᠤᠯᠭ᠎ᠠ 12222 ᠲᠦᠬᠦᠷᠢᠭ ᠪᠠᠶᠢᠵᠤ᠂ ᠡᠬᠦᠨ ᠳᠤ ᠡᠵᠡᠩᠨᠠᠯᠲᠠ ᠶᠢᠨ ᠴᠠᠪᠡᠷ ᠤᠷᠤᠯᠭ᠎ᠠ ᠨᠢ 60 %  ᠎ ᠠᠴᠠ ᠲᠠᠬᠡᠭᠰᠢᠬᠢ ᠶᠢ ᠡᠵᠠᠯᠠᠵᠤ᠂ ᠡᠵᠡᠩᠨᠠᠯᠲᠠ ᠶᠢᠨ ᠴᠠᠪᠡᠷ ᠤᠷᠤᠯᠭ᠎ᠠ ᠶᠢᠨ ᠲᠤᠮᠲᠠ ᠮᠠᠯ ᠠᠵᠤ ᠠᠬᠤᠢ ᠶᠢᠨ ᠡᠵᠡᠩᠨᠠᠯᠲᠠ ᠶᠢᠨ ᠤᠷᠤᠯᠭ᠎ᠠ ᠨᠢ 70%᠎ ᠠᠴᠠ ᠲᠡᠬᠡᠭᠰᠢᠬᠢ ᠶᠢ ᠡᠵᠠᠯᠠᠵᠤ᠂ ᠲᠠᠯ᠎ᠠ ᠨᠤᠲᠤᠭ ᠤᠨ ᠮᠠᠯ ᠠᠵᠤ ᠠᠬᠤᠢ ᠎ ᠨᠢ  ᠮᠦᠨ ᠯᠠ  ᠮᠠᠯᠴᠢᠨ ᠲᠠᠷᠢᠶᠠᠴᠢᠨ ᠤ ᠠᠮᠢᠲᠤᠷᠠᠯ ᠬᠦᠭᠵᠢᠯᠲᠠ ᠶᠢᠨ ᠴᠢᠬᠤᠯᠠ ᠲᠠᠪᠠᠭᠤᠯᠢᠭ ᠪᠤᠯᠤᠨ ᠤᠷᠤᠯᠭ᠎ᠠ  ᠎ ᠪᠠᠨ ᠨᠡᠮᠡᠭᠲᠠᠬᠦᠯᠬᠦ ᠭᠤᠤᠯ ᠠᠷᠭ᠎ᠠ ᠵᠠᠮ ᠪᠤᠯᠤᠨ᠎ᠠ᠃ ᠦᠢᠷ᠎ᠠ ᠶᠢᠨ ᠵᠢᠯ ᠠᠴᠠ᠂ ᠮᠠᠯ ᠠᠵᠤ ᠠᠬᠤᠢ ᠶᠢᠨ ᠲᠠᠵᠢᠬᠡᠨ ᠦᠷᠠᠵᠢᠬᠦᠯᠬᠦ  ᠦᠪᠡᠷ ᠤᠨ ᠦᠷᠲᠡᠭ ᠵᠢᠯ ᠤᠨ ᠲᠤᠷᠰᠢ ᠨᠡᠮᠡᠭᠲᠠᠵᠤ᠂ ᠮᠠᠯ ᠤᠨ ᠠᠰᠢᠭ ᠰᠢᠮ᠎ᠠ ᠶᠢᠨ ᠪᠦᠲᠤᠬᠡᠭᠲᠠᠬᠦᠨ ᠎ ᠤ ᠦᠨ᠎ᠠ ᠦᠷᠬᠦᠯᠵᠢᠯᠠᠨ ᠲᠤᠷᠤᠭᠰᠢᠯᠠᠵᠤ᠂ 2015 ᠤᠨ ᠪᠤᠯᠤᠨ 2012 ᠤᠨ ᠢ ᠠᠲᠠᠯᠢᠳᠬᠪᠠᠯ᠂ ᠬᠤᠨᠢ ᠪᠦᠷᠢ ᠶᠢᠨ ᠲᠡᠵᠢᠬᠡᠨ ᠦᠷᠠᠵᠢᠬᠦᠯᠬᠦ  ᠦᠪᠡᠷ ᠤᠨ ᠦᠷᠲᠡᠭ 35%᠎ ᠪᠠᠷ ᠲᠡᠬᠡᠭᠰᠢᠯᠠᠵᠤ᠂ ᠪᠤᠷᠤᠯᠠᠭᠤᠯᠭ᠎ᠠ ᠶᠢᠨ ᠦᠨ᠎ᠠ 35%᠎ ᠪᠠᠷ ᠲᠤᠷᠤᠭᠰᠢᠯᠠᠵᠤ᠂ ᠲᠤᠮᠲᠠᠴᠢ ᠤᠷᠤᠯᠭ᠎ᠠ 250 ᠲᠦᠬᠦᠷᠢᠭ ᠤᠷᠴᠢᠮ. ᠲᠤᠷᠤᠭᠰᠢᠯᠠᠵᠠᠢ᠃   ᠦᠪᠡᠷ ᠤᠨ ᠦᠷᠲᠡᠭ  ᠲᠡᠬᠡᠭᠰᠢᠯᠠᠵᠤ ᠦᠷ᠎ᠠ ᠠᠰᠢᠭ ᠲᠤᠷᠤᠭᠰᠢᠯᠠᠭᠰᠠᠨ ᠬᠤᠤᠰ  ᠲᠠᠷᠤᠯᠲᠠ ᠠᠴᠠ ᠪᠤᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠲᠠᠬᠦᠯᠬᠦ ᠤᠷᠤᠨ ᠵᠠᠢ ᠤᠯᠠᠮ  ᠎ ᠢᠶᠠᠷ ᠢᠪᠴᠤᠤ ᠪᠤᠯᠤᠭᠰᠠᠨ ᠪᠠᠶᠢᠨ᠎ᠠ᠃ ᠮᠠᠯᠴᠢᠨ ᠲᠠᠷᠢᠶᠠᠴᠢᠨ ᠪᠤᠯᠤᠨ ᠮᠠᠯ  ᠎ ᠤᠨ ᠠᠰᠢᠭ ᠰᠢᠮ᠎ᠠ ᠶᠢᠨ ᠪᠦᠲᠤᠬᠡᠭᠲᠠᠬᠦᠨ ᠢ ᠪᠤᠯᠪᠡᠰᠤᠷᠠᠭᠤᠯᠬᠤ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠯᠠᠭᠰᠠᠨ ᠲᠤᠭᠲᠠᠴᠠ ᠬᠦᠴᠤᠨ ᠨᠢᠭᠲᠠ ᠪᠢᠰᠢ᠂ ᠰᠤᠯᠢᠯᠴᠠᠭᠠᠨ ᠤ  ᠦᠪᠡᠷ ᠤᠨ ᠦᠷᠲᠡᠭ ᠦᠨᠲᠤᠷ᠂ ᠵᠠᠬ᠎ᠠ ᠲᠠᠯᠬᠡᠬᠦᠷ ᠤᠨ ᠰᠤᠷᠠᠭ ᠵᠠᠩᠬᠢ ᠲᠤᠬᠢᠷᠠᠯᠴᠠᠭ᠎ᠠ ᠦᠬᠡᠢ᠃ ᠮᠠᠯ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠡᠮᠵᠢᠶ᠎ᠠ ᠲᠤᠤᠷ᠎ᠠ᠂ ᠤᠲᠤᠬᠠᠨ ᠳᠤ ᠲᠡᠩᠰᠠᠯᠠᠭᠤᠯᠤᠭᠰᠠᠨ ᠮᠠᠯ ᠠᠵᠤ ᠠᠬᠤᠢ ᠲᠠᠷᠢᠶᠠᠯᠠᠩ ᠤᠨ ᠲᠤᠰᠬᠠᠶᠢᠵᠢᠭᠰᠠᠨ ᠬᠤᠷᠰᠢᠶᠠᠵᠢᠯ ᠬᠡᠲᠤᠶᠢᠪᠡᠷ 2000 ᠢᠯᠠᠬᠦᠤ ᠪᠠᠶᠢᠪᠡᠴᠤ᠂ ᠲᠦᠷᠢᠮᠵᠢᠭᠰᠡᠨ ᠡᠵᠡᠩᠨᠠᠯᠲᠠ ᠬᠠᠮᠢᠶᠠᠷᠤᠯᠲᠠ ᠶᠢᠨ ᠲᠦᠪᠰᠢᠨ ᠲᠤᠤᠷ᠎ᠠ  ᠪᠠᠶᠢᠵᠤ᠂  ᠤᠯᠠᠩᠬᠢ ᠬᠤᠷᠰᠢᠶᠠᠵᠢᠯ ᠨᠢ ᠠᠰᠢᠭᠲᠠᠢ ᠵᠢᠱᠢᠶ᠎ᠠ ᠦᠵᠠᠬᠦᠯᠤᠨ ᠲᠠᠶᠢᠴᠢᠯᠠᠬᠤ ᠦᠢᠯᠠᠲᠤᠯ ᠢᠶᠠᠨ ᠪᠡᠲᠠᠷᠠᠭᠤᠯᠵᠤ ᠲᠠᠶᠢᠯᠤᠬᠡ ᠦᠬᠡᠢ  ᠪᠠᠶᠢᠭᠰᠠᠭᠠᠷ᠃ᠤᠳᠤᠬᠠᠨ ᠤ ᠬᠦᠭᠵᠢᠯᠳᠡ ᠶᠢᠨ ᠨᠦᠬᠦᠴᠡᠯ  ᠪᠤᠯᠤᠨ ᠠᠵᠠ ᠲᠤᠬᠢᠶᠠᠯ ᠠᠴᠠ ᠦᠵᠡᠪᠡᠯ᠂ ᠮᠠᠨ ᠤ ᠠᠶᠢᠮᠠᠭ ᠰᠢᠯᠢᠳᠡᠭ ᠡᠬᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠬᠦᠭᠵᠢᠬᠦᠯᠬᠦ ᠳᠤ ᠤᠷᠤᠨ ᠨᠤᠳᠤᠭ ᠤᠨ  ᠥᠪᠡᠷᠮᠢᠴᠠ ᠲᠠᠪᠠᠭᠤᠯᠢᠭ ᠨᠥᠬᠦᠴᠡᠯ ᠲᠠᠢ ᠪᠥᠭᠡᠳ ᠴᠠᠭ ᠲᠤᠬᠢᠶᠠᠯ ᠴᠦ ᠶᠠᠪ ᠴᠠᠪ ᠨᠡᠶᠢᠴᠡᠵᠤ ᠪᠠᠶᠢᠨ᠎ᠠ᠃ ᠨᠢᠭᠡ ᠳᠤ ᠲᠠᠯ᠎ᠠ ᠨᠤᠳᠤᠭ ᠤᠨ ᠡᠬᠢ ᠪᠠᠶᠠᠯᠢᠭ ᠡᠯᠪᠡᠭ᠃ ᠰᠢᠯᠢ ᠶᠢᠨ ᠭᠤᠤᠯ ᠤᠨ ᠲᠠᠯ᠎ᠠ ᠨᠤᠳᠤᠭ ᠤᠨ ᠠᠰᠢᠭᠯᠠᠵᠦ ᠪᠤᠯᠬᠤᠶᠢᠴᠠ ᠨᠤᠳᠤᠭ ᠪᠡᠯᠴᠢᠭᠡᠷ ᠤᠨ ᠲᠠᠯᠠᠪᠠᠢ ᠨᠢ 18 ᠲᠦᠮᠡᠨ ᠬᠠᠪᠳᠠᠭᠠᠢ ᠲᠦᠷᠪᠡᠯᠵᠢᠨ ᠺᠢᠯᠦᠮᠧᠲᠷ ᠪᠠᠶᠢᠵᠦ᠂ ᠲᠠᠯ᠎ᠠ ᠨᠤᠳᠤᠭ ᠎ ᠤᠨ ᠲᠦᠷᠦᠯ ᠬᠡᠯᠪᠡᠷᠢ ᠤᠯᠠᠨ ᠶᠠᠩᠵᠦ ᠪᠤᠢ᠃ 3945 ᠲᠦᠮᠡᠨ ᠮᠤ᠋ ᠪᠠᠶᠢᠭᠠᠯᠢᠯᠢᠭ ᠬᠠᠳᠤᠯᠠᠩ ᠤᠨ ᠲᠠᠯᠠᠪᠠᠢ ᠲᠠᠢ ᠪᠠᠶᠢᠵᠦ᠂ ᠵᠢᠯ ᠳᠡᠭᠡᠨ 24 ᠳ᠋ᠦᠩᠰᠢᠭᠤᠷ ᠺᠢᠯᠦᠭᠷᠠᠮ ︵ᠬᠠᠭᠤᠷᠠᠢ ᠡᠪᠡᠰᠦ ᠪᠠᠷ ᠨᠤᠭᠤᠯᠵᠦ ᠪᠤᠳᠤᠨ᠎ᠠ︶ ᠡᠪᠡᠰᠦ ᠬᠠᠳᠤᠵᠦ ᠨᠦᠭᠡᠴᠡᠯᠡᠳᠡᠭ᠃  ᠤᠲᠤ ᠪᠥᠬᠦ ᠠᠶᠢᠮᠠᠭ ᠲᠤ 380 ᠲᠦᠮᠡᠨ ᠮᠤ᠋ ᠲᠠᠷᠢᠶᠠᠨ ᠭᠠᠵᠠᠷ ᠲᠠᠢ ᠪᠠᠶᠢᠵᠦ᠂ ᠡᠬᠦᠨ ᠳᠤ ᠲᠡᠵᠢᠭᠡᠯ ᠡᠪᠡᠰᠦ ᠪᠤᠷᠳᠤᠭᠠᠨ ᠤ ᠲᠠᠷᠢᠮᠠᠯ 144 ᠲᠦᠮᠡᠨ ᠮᠤ᠋ ︵ᠨᠤᠭᠤᠭᠠᠨ ᠲᠠᠷᠤᠰᠢ ᠶᠢᠨ ᠪᠤᠷᠳᠤᠭᠠᠨ ᠭᠠᠵᠠᠷ 41.83 ᠲᠦᠮᠡᠨ ᠮᠤ᠋︶ ᠪᠤᠢ᠂ ᠡᠳᠡᠭᠡᠷ  ᠪᠦᠬᠦᠨ ᠨᠢ ᠰᠢᠯᠢᠳᠡᠭ ᠡᠬᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠬᠦᠭᠵᠢᠬᠦᠯᠬᠦ ᠳᠤ  ᠪᠡᠲᠤ ᠪᠠᠬᠢ ᠪᠤᠳᠠᠰ ᠤᠨ ᠰᠠᠭᠤᠷᠢ ᠬᠢᠭᠡᠳ  ᠨᠤᠭᠤᠭᠠᠨ ᠬᠠᠯᠬᠠᠪᠴᠢ  ᠎ ᠶᠢᠨ ᠪᠡᠲᠤᠯᠠᠭ᠎ᠠ ᠬᠠᠩᠭᠠᠵᠠᠢ᠃ ᠬᠤᠶᠠᠷ ᠲᠤ ᠪᠠᠶᠢᠭᠠᠯᠢ ᠶᠢᠨ ᠤᠷᠴᠢᠨ ᠲᠤᠬᠢᠷᠠᠮᠵᠢᠳᠠᠢ᠃ ᠮᠠᠨ ᠤ ᠠᠶᠢᠮᠠᠭ 20.3 ᠲᠦᠮᠡᠨ ᠬᠠᠪᠳᠠᠭᠠᠢ ᠲᠦᠷᠪᠡᠯᠵᠢᠨ ᠺᠢᠯᠦᠮᠧᠲᠷ ᠦᠨᠳᠦᠷᠯᠢᠭ ᠲᠠᠯ᠎ᠠ ᠭᠠᠵᠠᠷ ᠢᠶᠠᠷ ᠭᠤᠤᠯᠯᠠᠭᠰᠠᠨ ᠨᠤᠳᠤᠭ ᠲᠠᠪᠢᠰᠭᠡᠷ ᠎ ᠲᠠᠢ᠂ ᠵᠡᠬᠦᠨ ᠤᠷᠳᠤᠷᠢᠭ ᠤᠨ 115。13ˊ—117。06ˊ᠂ ᠤᠮᠠᠷᠠᠳᠦ ᠦᠷᠭᠡᠷᠢᠭ ᠤᠨ 43。02ˊ— 44。52ˊ᠎ ᠤᠨ ᠪᠠᠶᠢᠷᠢ ᠪᠠᠷ ᠪᠠᠶᠢᠷᠢᠰᠢᠵᠦ᠂ ᠤᠮᠠᠷᠠᠳᠦ ᠶᠢᠨ ᠰᠠᠷᠢᠬᠦᠨ ᠪᠦᠰᠡ ᠶᠢᠨ ᠡᠬᠡ ᠬᠠᠭᠤᠷᠠᠢ ᠶᠢᠨ ᠴᠢᠨᠠᠷᠳᠠᠢ ᠠᠭᠤᠷ ᠠᠮᠢᠰᠬᠤᠯ ᠳᠤ ᠬᠠᠷᠢᠶᠠᠯᠠᠭᠳᠠᠨ᠎ᠠ︔ ᠯᠤᠸᠠᠨ ᠾᠧ ᠭᠤᠤᠯ ᠤᠨ ᠤᠰᠤᠨ ᠰᠢᠰᠲ᠋ᠧᠮ᠂ ᠴᠠᠭᠠᠨ ᠨᠠᠭᠤᠷ ᠤᠨ ᠤᠰᠤᠨ ᠰᠢᠰᠲ᠋ᠧᠮ᠂ ᠤᠯᠠᠭᠠᠢ ᠭᠤᠤᠯ ᠤᠨ ᠤᠰᠤᠨ ᠰᠢᠰᠲ᠋ᠧᠮ ᠭᠡᠬᠦ ᠭᠤᠷᠪᠠᠨ ᠲᠤᠮᠤ ᠤᠰᠤᠨ ᠰᠢᠰᠲ᠋ᠧᠮ ᠲᠠᠢ ᠪᠠᠶᠢᠵᠦ᠂ ᠰᠠᠪᠠ ᠭᠠᠵᠠᠷ ᠤᠨ ᠶᠡᠷᠦᠩᠭᠡᠢ ᠲᠠᠯᠠᠪᠠᠢ ᠨᠢ 8.2 ᠲᠦᠮᠡᠨ ᠬᠠᠪᠳᠠᠭᠠᠢ ᠲᠦᠷᠪᠡᠯᠵᠢᠨ ᠺᠢᠯᠦᠮᠧᠲᠷ ᠪᠠᠶᠢᠳᠠᠭ᠃ ᠮᠠᠨ ᠤ ᠠᠶᠢᠮᠠᠭ ᠤᠨ  ᠬᠦᠷᠤᠰᠤ ᠰᠢᠷᠤᠢ ᠶᠢᠨ ᠶᠠᠰᠤ ᠴᠢᠨᠠᠷ  ᠰᠠᠶᠢᠨ᠂ ᠴᠡᠪᠡᠷ ᠲᠤᠩᠭᠠᠯᠠᠭ ᠠᠭᠤᠷ ᠠᠮᠢᠰᠬᠤᠯ ᠵᠢᠴᠢ ᠨᠡᠯᠢᠶᠡᠳ ᠰᠠᠶᠢᠨ ᠤᠰᠤᠨ ᠤ ᠡᠬᠢ  ᠪᠠᠶᠠᠯᠢᠭ ᠬᠢᠭᠡᠳ ᠤᠷᠴᠢᠨ ᠠᠬᠤᠢ ᠨᠢ ᠪᠤᠰᠤᠳ ᠭᠠᠵᠠᠷ ᠲᠤ ᠪᠠᠶᠢᠬᠤ ᠥᠭᠡᠢ ᠬᠠᠷᠢᠴᠠᠯᠠᠰᠢᠬᠦᠢ ᠲᠠᠪᠠᠭᠤᠯᠢᠭ  ᠎ ᠲᠠᠢ ᠶᠤᠮ᠃ ᠭᠤᠷᠪᠠ ᠳᠤ ᠤᠷᠤᠨ ᠪᠠᠶᠢᠷᠢ ᠶᠢᠨ ᠲᠠᠪᠠᠭᠤᠯᠢᠭ ᠲᠤᠪᠤᠶᠢᠮ᠎ᠠ᠃ ᠰᠢᠯᠢ ᠶᠢᠨ ᠭᠤᠤᠯ ᠠᠶᠢᠮᠠᠭ ᠨᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠮᠳᠠ ᠪᠡᠶ᠎ᠡ ᠪᠠᠷ ᠪᠠᠶᠢᠷᠢᠰᠢᠵᠦ᠂ ᠪᠡᠭᠡᠵᠢᠩ ᠠᠴᠠ ᠬᠠᠮᠤᠭ ᠤᠶᠢᠷ᠎ᠠ ᠲᠠᠯ᠎ᠠ ᠨᠤᠳᠤᠭ ᠤᠨ ᠮᠠᠯᠵᠢᠬᠤ ᠤᠷᠤᠨ ᠪᠤᠯᠤᠨ᠎ᠠ᠃ ᠰᠢᠯᠢ ᠶᠢᠨ ᠬᠤᠳᠠ ᠨᠢ ᠰᠢᠯᠤᠭᠤᠨ ᠱᠤᠭᠤᠮ ᠢᠶᠠᠷ ᠪᠡᠭᠡᠵᠢᠩ ᠠᠴᠠ 460 ᠺᠢᠯᠦᠮᠧᠲᠷ  ᠵᠠᠢ ᠲᠠᠢ ᠪᠠᠶᠢᠵᠦ᠂ ᠲᠤᠯᠤᠨ ᠨᠤᠤᠷ ᠰᠢᠶᠠᠨ ᠠᠴᠠ ᠪᠡᠭᠡᠵᠢᠩ ᠬᠦᠷᠬᠦ ᠳᠤ 180 ᠺᠢᠯᠦᠮᠧᠲᠷ ᠴᠦ ᠬᠦᠷᠬᠦ ᠦᠭᠡᠢ ᠪᠠᠶᠢᠳᠠᠭ᠃ ᠬᠥᠯᠲᠡᠭᠡᠵᠥ ᠬᠠᠲᠠᠭᠠᠯᠠᠭᠰᠠᠨ ᠮᠠᠯ ᠤᠨ ᠠᠰᠢᠭ ᠰᠢᠮ᠎ᠡ  ᠎ ᠶᠢᠨ ᠪᠥᠲᠥᠭᠡᠭᠲᠡᠬᠦᠨ ᠢ ᠠᠭᠠᠷ ᠎ ᠢᠶᠠᠷ ᠵᠥᠭᠡᠭᠡᠪᠤᠷᠢᠯᠡᠪᠡᠯ 1 ᠴᠠᠭ ᠤᠨ ᠲᠤᠳᠤᠷ᠎ᠠ ᠪᠡᠭᠡᠵᠢᠩ᠂ ᠲᠢᠶᠠᠨᠵᠢᠨ᠂ ᠮᠦᠭᠳᠡᠨ᠂ ᠳ᠋ᠠᠯᠢᠶᠠᠨ᠂ ᠬᠦᠭᠡᠬᠤᠳᠠ ᠵᠡᠷᠭᠡ ᠭᠠᠵᠠᠷ ᠲᠤ ᠬᠦᠷᠭᠡᠵᠦ ᠴᠢᠳᠠᠳᠠᠭ᠃ ᠰᠢᠯᠢ ᠶᠢᠨ ᠬᠤᠳᠠ ᠠᠴᠠ ᠴᠢᠭᠤᠯᠤᠯᠳᠦ ᠬᠠᠭᠠᠯᠭ᠎ᠠ ᠬᠦᠷᠬᠦ ᠲᠦᠷᠭᠡᠨ ᠬᠤᠷᠳᠤᠴᠠᠳᠦ ᠲᠡᠮᠤᠷ ᠵᠠᠮ  ᠎ ᠢ ᠪᠦᠲᠤᠬᠡᠨ ᠪᠠᠶᠢᠭᠤᠯᠵᠤ ᠲᠠᠷᠬᠡ ᠨᠠᠪᠲᠠᠷᠠᠬᠦᠯᠪᠡᠯ᠂ 3 ᠴᠠᠭ ᠤᠨ ᠲᠤᠳᠤᠷ᠎ᠠ ᠪᠡᠭᠡᠵᠢᠩ ᠎ ᠳᠤ ᠬᠦᠷᠴᠦ᠂ ᠲᠤᠮᠳᠠ ᠲᠡᠭᠡᠳᠦ ᠲᠡᠰ ᠤᠨ ᠵᠠᠬ᠎ᠠ ᠲᠡᠯᠭᠡᠬᠦᠷ ᠲᠤ  ᠭᠠᠷᠭᠠᠵᠥ ᠲᠡᠶᠢᠯᠬᠦ ᠤᠷᠤᠨ ᠪᠠᠶᠢᠷᠢ ᠬᠢᠭᠡᠳ ᠵᠠᠮ ᠬᠠᠷᠢᠯᠴᠠᠭᠠᠨ ᠤ ᠲᠠᠪᠠᠭᠤᠯᠢᠭ ᠲᠠᠢ ᠪᠤᠯᠤᠨ᠎ᠠ᠃ ᠲᠦᠷᠪᠠ ᠳᠤ ᠲᠦᠷᠦ ᠶᠢᠨ ᠪᠤᠳᠤᠯᠭ᠎ᠠ ᠶᠢᠨ  ᠬᠥᠴᠥᠲᠥ ᠲᠡᠮᠵᠢᠯᠭᠡ ᠎ ᠲᠠᠢ᠃ ᠤᠶᠢᠷ᠎ᠠ ᠶᠢᠨ ᠵᠢᠯ ᠠᠴᠠ ᠨᠠᠰᠢ᠂ ᠤᠯᠤᠰ ᠠᠴᠠ ᠤᠳᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠳᠡ ᠎ ᠶᠢ ᠲᠡᠮᠵᠢᠬᠦ ᠰᠢᠷᠢᠰ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠠᠪᠴᠦ᠂ ᠦᠪᠡᠷᠳᠡᠭᠡᠨ ᠵᠠᠰᠠᠬᠤ ᠤᠷᠤᠨ ᠠᠴᠠ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ︾᠎ ᠶᠢᠨ ᠬᠤᠭᠤᠴᠠᠭᠠᠨ ᠳᠤ ︽ᠬᠤᠨᠢᠨ ᠤ ᠲᠤᠭ᠎ᠠ ᠶᠢ ᠲᠤᠭᠲᠠᠪᠤᠷᠢᠵᠢᠭᠤᠯᠵᠥ᠂ ᠦᠭᠡᠷ ᠢ ᠦᠰᠭᠡᠬᠦ︾ ᠪᠠᠶᠢᠯᠳᠤᠬᠤ ᠪᠤᠳᠤᠯᠭ᠎ᠠ ᠬᠡᠷᠡᠭᠵᠢᠬᠦᠯᠬᠦ ᠪᠠᠷ ᠲᠤᠷᠠᠲᠤᠭᠰᠠᠨ ᠪᠥᠭᠡᠳ 2016 ᠤᠨ ᠠᠴᠠ ᠡᠬᠢᠯᠡᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠵᠤᠬᠢᠴᠠᠮᠵᠢ ᠶᠢᠨ ᠲᠠᠭᠠᠯᠳᠠ ᠠᠵᠦ ᠦᠢᠯᠡᠰ ᠤᠨ ᠲᠡᠮᠵᠢᠯᠭᠡ ᠶᠢᠨ ᠪᠡᠯᠡ ᠮᠦᠩᠬᠦ ᠶᠢ ᠠᠰᠢᠭᠯᠠᠨ ᠰᠢᠯᠢᠳᠡᠭ ᠡᠬᠦᠯᠳᠡᠷ ᠤᠨ ᠦᠭᠡᠷ ᠤᠷᠤᠭᠤᠯᠵᠥ᠂ ᠰᠢᠯᠢᠳᠡᠭ ᠡᠬᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠬᠦᠭᠵᠢᠬᠦᠯᠬᠦ ᠶᠢ ᠵᠤᠷᠢᠬᠵᠢᠭᠤᠯᠵᠦ᠂ ᠤᠬᠢ ᠰᠠᠶᠢᠨ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠬᠠᠩᠭᠠᠵᠠᠢ᠃ ᠲᠠᠪᠤ ᠳᠤ ᠵᠠᠬ᠎ᠠ ᠲᠡᠯᠭᠡᠬᠦᠷ ᠤᠨ ᠬᠡᠷᠡᠭᠴᠡᠭᠡ ᠱᠠᠭᠠᠷᠳᠠᠯᠭ᠎ᠠ ᠬᠦᠭᠵᠢᠩᠬᠦᠢ᠃ ᠪᠥᠬᠦ ᠤᠯᠤᠰ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠢᠲᠡᠭᠡᠨ ᠤᠮᠲᠠᠭᠠᠨ ᠤ ᠬᠡᠷᠡᠭᠯᠡᠭᠡᠨ ᠤ ᠪᠥᠲᠥᠴᠡ ᠲᠠᠰᠤᠷᠠᠯᠲᠠ ᠥᠭᠡᠢ ᠰᠠᠶᠢᠵᠢᠷᠠᠬᠤ ᠶᠢ ᠲᠠᠭᠠᠯᠲᠤᠨ᠂ ᠬᠥᠮᠥᠰ ᠤᠤᠯ ᠨᠢ ᠭᠡᠳᠡᠰᠦ ᠴᠠᠳᠬᠤᠯᠠᠩ ᠪᠠᠶᠢᠬᠤ ᠶᠢ  ᠪᠤᠳᠤᠳᠠᠭ ᠪᠠᠶᠢᠭᠰᠠᠨ ᠠᠴᠠ ᠪᠠᠨ ᠤᠲᠤ  ᠠᠶᠤᠯᠬᠦᠢ᠂ ᠰᠢᠮ᠎ᠡ ᠲᠡᠵᠢᠭᠡᠯ ᠲᠠᠢ᠂ ᠡᠷᠡᠬᠦᠯ ᠴᠢᠬᠢᠷᠠᠭ᠂ ᠶᠠᠰᠤ ᠴᠢᠨᠠᠷ ᠢᠶᠠᠷ ᠰᠠᠶᠢᠨ᠂ ᠤᠯᠠᠨ ᠶᠠᠩᠵᠦᠳᠦ ᠪᠠᠶᠢᠬᠤ ᠶᠢ ᠬᠦᠭᠡᠭᠡᠴᠡᠯᠳᠦᠳᠡᠭ ᠪᠤᠯᠵᠦ᠂ ᠦᠭᠡᠷ ᠤᠨ ᠮᠢᠬ᠎ᠠ ᠤᠨᠴᠠᠭᠠᠶᠢᠯᠠᠨ ᠲᠤᠮᠳᠠ ᠲᠡᠭᠡᠳᠦ ᠲᠡᠰ ᠤᠨ ᠦᠭᠡᠷ ᠤᠨ ᠮᠢᠬᠠᠨ ᠤ ᠬᠡᠷᠡᠭᠯᠡᠭᠡ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠤᠯᠤᠰ ᠤᠨ ᠬᠦᠳᠡᠭᠡ ᠠᠵᠦ ᠠᠬᠤᠢ ᠶᠢᠨ ᠶᠠᠮᠤᠨ ᠤ ᠮᠢᠬᠠᠨ ᠤ ᠦᠭᠡᠷ ᠤᠨ ᠠᠵᠦ ᠦᠢᠯᠡᠰ ᠤᠨ ᠮᠡᠷᠭᠡᠵᠢᠯ ᠤᠨ ᠰᠢᠰᠲ᠋ᠧᠮ ᠠᠴᠠ ᠪᠦᠬᠦ ᠤᠯᠤᠰ ᠤᠨ ᠦᠭᠡᠷ ᠮᠠᠯᠵᠢᠵᠦ ᠪᠠᠶᠢᠭ᠎ᠠ ᠪᠠᠶᠢᠳᠠᠯ ᠬᠢᠭᠡᠳ ᠡᠳ᠋ᠰᠢᠬᠦᠯᠦᠨ ᠪᠤᠯᠪᠠᠰᠤᠷᠠᠭᠤᠯᠬᠤ ᠠᠵᠢᠯ ᠲᠦᠷᠦᠯ ᠤᠨ ᠲᠠᠯ᠎ᠠ ᠪᠠᠷ ᠬᠢᠭᠰᠡᠨ ᠪᠠᠶᠢᠴᠠᠭᠠᠯᠳᠠ ᠶᠢ ᠦᠨᠳᠦᠰᠦᠯᠡᠪᠡᠯ᠂ 2015 ᠤᠨ ᠳᠤ ᠪᠦᠬᠦ ᠤᠯᠤᠰ ᠤᠨ ᠦᠭᠡᠷ ᠤᠨ ᠮᠢᠬᠠᠨ ᠤ ᠭᠠᠷᠤᠯᠲᠠ 550 ᠲᠦᠮᠡᠨ ᠲᠤᠨ ᠎ ᠳᠤ ᠬᠦᠷᠴᠦ᠂ ᠡᠬᠦᠨ ᠳᠤ ᠭᠠᠳᠠᠭᠠᠳᠦ ᠠᠴᠠ 47.4  ᠲᠥᠮᠡᠨ ᠲᠤᠨ ᠦᠭᠡᠷ ᠤᠨ ᠮᠢᠬ᠎ᠠ ᠤᠷᠤᠭᠤᠯᠵᠦ᠂ ᠪᠠᠰᠠ 200 ᠭᠠᠷᠤᠢ ᠲᠥᠮᠡᠨ ᠲᠤᠨ ᠱᠠᠭᠠᠷᠳᠠᠭᠳᠠᠭᠰᠠᠨ ᠪᠠᠶᠢᠨ᠎ᠠ᠃ ᠮᠠᠨ ᠤ ᠤᠯᠤᠰ ᠤᠨ ᠵᠢᠯ ᠤᠨ ᠬᠦᠮᠦᠨ ᠪᠦᠷᠢ ᠳᠤ ᠲᠡᠭᠰᠢᠳᠭᠡᠭᠰᠡᠨ ᠦᠭᠡᠷ ᠤᠨ ᠮᠢᠬᠠᠨ ᠤ ᠬᠡᠷᠡᠭᠯᠡᠭᠡᠨ ᠤ ᠬᠡᠮᠵᠢᠶ᠎ᠡ  5.19 ᠺᠢᠯᠦᠭᠷᠡᠮ ᠪᠠᠶᠢᠵᠦ᠂ ᠲᠡᠯᠡᠭᠡᠢ ᠶᠢᠨ ᠬᠦᠮᠦᠨ ᠪᠦᠷᠢ ᠳᠤ ᠲᠡᠭᠰᠢᠳᠭᠡᠭᠰᠡᠨ ᠦᠭᠡᠷ ᠤᠨ ᠮᠢᠬᠠᠨ ᠤ ᠬᠡᠷᠡᠭᠯᠡᠭᠡᠨ ᠤ ᠬᠡᠮᠵᠢᠶ᠎ᠡ ᠶᠢᠨ 50%᠎ ᠲᠠᠢ ᠲᠡᠩᠴᠡᠳᠡᠭ᠃ ᠲᠦᠰᠦᠪᠯᠡᠭᠰᠡᠨ ᠢᠶᠠᠷ 2020 ᠤᠨ ᠪᠤᠯᠬᠤ ᠳᠤ ᠮᠠᠨ ᠤ ᠤᠯᠤᠰ ᠤᠨ ᠦᠭᠡᠷ ᠤᠨ ᠮᠢᠬᠠᠨ ᠤ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠭᠡᠢ ᠬᠡᠮᠵᠢᠶ᠎ᠡ 900  — 1050 ᠲᠦᠮᠡᠨ ᠲᠤᠨ ᠳᠤ ᠬᠦᠷᠴᠦ᠂ ᠬᠠᠩᠭᠠᠯᠭ᠎ᠠ ᠠᠴᠠ 350  — 500 ᠲᠦᠮᠡᠨ ᠲᠤᠨ ᠲᠤᠳᠠᠭᠳᠠᠬᠤ ᠪᠤᠯᠤᠨ᠎ᠠ᠃ ᠡᠨᠡ ᠨᠢ ᠮᠠᠯ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠰᠢᠯᠢᠳᠡᠭ ᠡᠬᠦᠯᠳᠡᠷ ᠤᠨ ᠦᠭᠡᠷ ᠮᠠᠯᠵᠢᠬᠤ ᠠᠵᠦ ᠦᠢᠯᠡᠰ ᠢ  ᠬᠥᠭᠵᠢᠬᠦᠯᠵᠥ᠂ ᠲᠤᠮᠳᠠ ᠲᠡᠭᠡᠳᠦ ᠲᠡᠰ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠦᠷᠭᠡᠳᠭᠡᠬᠦ ᠳᠤ ᠨᠡᠩ ᠴᠢᠯᠦᠭᠡᠳᠠᠢ ᠵᠠᠬ᠎ᠠ ᠲᠡᠯᠭᠡᠬᠦᠷ ᠤᠨ ᠤᠷᠤᠨ ᠵᠠᠢ ᠬᠠᠩᠭᠠᠬᠤ ᠪᠤᠯᠤᠨ᠎ᠠ᠃ ᠭᠤᠷᠪᠠ᠂ ᠰᠢᠯᠢᠳᠡᠭ ᠡᠬᠦᠯᠳᠡᠷ ᠤᠨ ᠦᠭᠡᠷ ᠮᠠᠯᠵᠢᠬᠤ ᠠᠵᠦ ᠦᠢᠯᠡᠰ ᠤᠨ ᠬᠦᠭᠵᠢᠯᠳᠡ ᠶᠢᠨ ᠰᠡᠳᠬᠢᠴᠡ ᠬᠢᠭᠡᠳ ᠬᠠᠷᠠᠯᠳᠠ︵ᠨᠢᠭᠡ︶ ᠶᠡᠷᠦᠩᠭᠡᠢ ᠰᠡᠳᠬᠢᠴᠡᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠬᠢᠭᠡᠳ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠬᠢᠭᠡᠳ ᠦᠪᠤᠷ ᠮᠤᠩᠭᠤᠯ ᠳᠤ ᠪᠠᠶᠢᠴᠠᠭᠠᠨ ᠰᠢᠨᠵᠢᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ  ᠲᠤᠤᠱᠯᠠᠭᠤᠯᠵᠥ᠂ ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠯᠳᠡᠳᠦ᠂ ᠬᠠᠮᠳᠤ ᠪᠠᠷ ᠡᠳ᠋ᠯᠡᠬᠦ ᠰᠢᠨ᠎ᠡ ᠬᠦᠭᠵᠢᠯᠳᠡ ᠶᠢᠨ ᠤᠶᠢᠯᠠᠭᠠᠬᠳᠠᠬᠤᠨ ᠢ ᠤᠬᠠᠮᠰᠠᠷ ᠠᠴᠠ ᠪᠠᠨ ᠵᠢᠷᠤᠮᠯᠠᠨ᠂ ᠮᠠᠯ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠵᠠᠬ᠎ᠠ ᠲᠡᠯᠬᠡᠬᠦᠷ ᠤᠨ ᠬᠡᠷᠡᠭᠴᠡᠭᠡ ᠱᠠᠭᠠᠷᠳᠠᠯᠭ᠎ᠠ ᠪᠠᠷ ᠵᠢᠯᠤᠭᠤᠲᠤᠮᠵᠢ ᠪᠤᠯᠭᠠᠨ᠂ ︽ᠬᠤᠨᠢ ᠶᠢ ᠴᠦᠭᠡᠴᠢᠯᠡᠵᠦ ᠦᠭᠡᠷ ᠢᠯᠡᠬᠦᠥ ᠮᠠᠯᠵᠢᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠰᠢᠯᠢᠳᠡᠭ ᠡᠬᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠬᠦᠭᠵᠢᠬᠦᠯᠬᠦ ᠪᠠᠷ ᠰᠢᠪᠳᠤᠯᠤᠯᠳᠠ ᠪᠤᠯᠭᠠᠨ᠂ ᠰᠢᠯᠢᠳᠡᠭ ᠡᠬᠦᠯᠳᠡᠷ ᠤᠨ ᠦᠭᠡᠷ ᠦᠰᠭᠡᠨ ᠦᠷᠡᠵᠢᠬᠦᠯᠬᠦ ᠲᠤᠭᠳᠠᠯᠴᠠᠭ᠎ᠠ ᠪᠠᠶᠢᠭᠤᠯᠬᠤ ᠳᠤ ᠰᠠᠭᠤᠷᠢᠯᠠᠵᠦ᠂ ᠠᠰᠢᠭ ᠲᠤᠰᠠ ᠶᠢᠨ ᠬᠤᠯᠪᠤᠭᠠᠳᠦ ᠲᠤᠭᠲᠠᠴᠠ ᠶᠢ ᠪᠠᠶᠢᠭᠤᠯᠤᠨ ᠪᠦᠷᠢᠨᠰᠢᠬᠦᠯᠬᠦ ᠪᠠᠷ ᠬᠤᠯᠪᠤᠭᠠᠰᠤ ᠪᠤᠯᠭᠠᠨ᠂ ︽ᠵᠠᠰᠠᠭ ᠤᠨ ᠤᠷᠳᠤᠨ ᠠᠴᠠ ᠵᠢᠯᠤᠭᠤᠳᠬᠤ᠂ ᠵᠠᠬ᠎ᠠ  ᠲᠡᠯᠭᠡᠬᠦᠷᠴᠢᠯᠡᠨ ᠡᠵᠡᠩᠨᠡᠬᠦ᠂ ᠺᠤᠮᠫᠠᠨᠢ  + ᠮᠠᠯᠵᠢᠬᠤ ᠲᠠᠷᠢᠶᠠᠯᠠᠬᠤ ᠡᠷᠦᠭᠡ︾᠎ ᠶᠢᠨ ᠬᠡᠯᠪᠡᠷᠢ ᠪᠠᠷ  ᠰᠢᠯᠢᠳᠡᠭ ᠡᠬᠦᠯᠳᠡᠷ ᠤᠷᠤᠭᠤᠯᠬᠤ᠂ ᠦᠷᠡᠵᠢᠬᠦᠯᠦᠨ ᠪᠤᠶᠢᠵᠢᠭᠤᠯᠬᠤ᠂ ᠪᠤᠷᠳᠤᠨ ᠲᠠᠷᠭᠤᠯᠠᠭᠤᠯᠬᠤ᠂ ᠡᠳ᠋ᠰᠢᠬᠦᠯᠵᠦ ᠪᠤᠯᠪᠠᠰᠤᠷᠠᠭᠤᠯᠬᠤ᠂ ᠪᠤᠷᠤᠯᠠᠭᠤᠯᠬᠤ ᠵᠡᠷᠭᠡ ᠪᠦᠬᠦᠶᠢᠯᠡ ᠠᠵᠦ ᠦᠢᠯᠡᠰ ᠤᠨ ᠬᠡᠯᠬᠢᠶᠡᠵᠢᠯ ᠠᠴᠠ ᠬᠢᠵᠢᠭ ᠭᠡᠮ ᠢ ᠰᠡᠷᠭᠡᠶᠢᠯᠡᠨ ᠪᠠᠶᠢᠴᠠᠭᠠᠬᠤ᠂ ᠶᠠᠰᠤ ᠴᠢᠨᠠᠷ ᠲᠤ ᠮᠦᠷᠳᠡᠯᠳᠡ ᠬᠢᠬᠦ᠂ ᠦᠢᠯᠡᠳᠬᠦᠨ ᠰᠤᠳᠤᠯᠤᠨ ᠨᠡᠭᠡᠭᠡᠬᠦ᠂ ᠨᠡᠷᠡᠳᠦ ᠲᠡᠮᠳᠡᠭ ᠡᠬᠦᠳᠬᠦ ᠵᠡᠷᠭᠡ ᠡᠯ᠎ᠡ ᠭᠤᠭᠴᠤᠭᠠᠨ ᠳᠤ ᠬᠦᠷᠳᠡᠯ᠎ᠡ ᠨᠢᠭᠡ ᠴᠤᠭᠴᠠᠵᠢᠭᠤᠯᠤᠨ ᠡᠵᠡᠩᠨᠡᠨ᠎ᠡ᠃ ᠤᠯᠤᠰ ᠤᠨ ᠲᠤᠳᠤᠭᠠᠳᠦ ᠶᠢᠨ ᠠᠵᠢᠯ ᠲᠦᠷᠦᠯ ᠤᠨ ᠲᠠᠭᠠᠭᠤᠯᠤᠭᠴᠢ ᠠᠵᠦ ᠠᠬᠤᠶᠢᠯᠡᠯ ᠢ  ᠲᠠᠲᠠᠨ ᠤᠷᠤᠭᠤᠯᠬᠤ ᠪᠠᠷ ᠲᠠᠮᠵᠢᠨ᠂ ᠵᠢᠱᠢᠶ᠎ᠡ ᠦᠵᠡᠬᠦᠯᠦᠨ ᠲᠠᠶᠢᠴᠢᠯᠠᠨ ᠲᠠᠭᠠᠭᠤᠯᠬᠤ᠂ ᠲᠤᠰᠬᠠᠶᠢᠵᠢᠭᠤᠯᠤᠨ ᠮᠠᠯᠵᠢᠬᠤ᠂ ᠪᠠᠷᠢᠮᠵᠢᠶᠠᠵᠢᠭᠤᠯᠤᠨ ᠦᠢᠯᠡᠳᠪᠤᠷᠢᠯᠡᠬᠦ᠂ ᠠᠵᠦ ᠦᠢᠯᠡᠰᠵᠢᠬᠦᠯᠦᠨ ᠡᠵᠡᠩᠨᠡᠬᠦ᠂ ᠦᠢᠯᠡᠴᠢᠯᠡᠭᠡ ᠶᠢ ᠨᠡᠶᠢᠭᠡᠮᠴᠢᠯᠡᠬᠦ ᠵᠢᠴᠢ ᠪᠤᠷᠤᠯᠠᠭᠤᠯᠭ᠎ᠠ ᠶᠢ ᠨᠡᠷᠡᠳᠦ ᠲᠡᠮᠳᠡᠭᠵᠢᠬᠦᠯᠬᠦ ᠶᠢ ᠪᠦᠬᠦ ᠲᠠᠯ᠎ᠠ ᠪᠠᠷ ᠠᠬᠢᠭᠤᠯᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠦ ᠦᠢᠯᠡᠰ ᠤᠨ ᠬᠦᠨᠵᠡᠭᠡᠢ ᠤᠶᠠᠯᠳᠤᠯ  ᠪᠤᠯᠤᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠂ ᠪᠦᠬᠦ ᠠᠶᠢᠮᠠᠭ ᠤᠨ ᠲᠠᠯ᠎ᠠ ᠨᠤᠳᠤᠭ ᠤᠨ ᠮᠠᠯ ᠠᠵᠦ ᠠᠬᠤᠢ ᠶᠢᠨ ᠤᠳᠤᠬᠢᠴᠢᠯᠠᠭᠰᠠᠨ ᠬᠢᠷᠢ ᠲᠦᠪᠰᠢᠨ ᠢ  ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ︵ᠬᠤᠶᠠᠷ︶ ᠵᠢᠷᠤᠮᠯᠠᠬᠤ ᠵᠠᠷᠴᠢᠮ ᠨᠢᠭᠡ ᠳᠤ ᠠᠮᠢ ᠠᠬᠤᠢ ᠶᠢᠨ ᠬᠠᠮᠠᠭᠠᠯᠠᠯᠳᠠ ᠶᠢ ᠲᠡᠷᠢᠬᠦᠨ ᠳᠤ  ᠲᠠᠯᠪᠢᠬᠤ ᠶᠢ ᠪᠡᠷᠢᠮᠲᠠᠯᠠᠵᠤ᠂ ᠪᠤᠬᠢᠷᠳᠤᠯ ᠦᠭᠡᠢ ᠬᠦᠭᠵᠢᠬᠦᠯᠦᠨ᠎ᠡ᠃ ᠤᠬᠠᠮᠰᠠᠷ ᠠᠴᠠ ᠪᠠᠨ ᠪᠤᠬᠢᠷᠳᠤᠯ ᠦᠭᠡᠢ ᠬᠦᠭᠵᠢᠯᠳᠡ ᠶᠢᠨ ᠤᠶᠢᠯᠠᠭᠠᠬᠳᠠᠬᠤᠨ ᠢ ᠵᠢᠷᠤᠮᠯᠠᠨ᠂ ᠠᠮᠢ ᠠᠬᠤᠢ ᠶᠢ ᠬᠠᠮᠠᠭᠠᠯᠠᠬᠤ ᠪᠠᠷᠢᠮᠵᠢᠶ᠎ᠠ ᠶᠢ ᠪᠠᠳᠦ ᠰᠠᠬᠢᠵᠦ᠂ ᠤᠳᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠳᠡ ᠬᠢᠭᠡᠳ ᠲᠠᠯ᠎ᠠ ᠨᠤᠳᠤᠭ ᠤᠨ ᠠᠮᠢ ᠠᠬᠤᠢ ᠶᠢᠨ  ᠬᠠᠮᠠᠭᠠᠯᠠᠯᠲᠠ ᠶᠢᠨ ᠬᠤᠭᠤᠷᠤᠨᠳᠤᠬᠢ ᠬᠠᠷᠢᠴᠠᠭ᠎ᠠ ᠶᠢ ᠵᠦᠪ ᠤᠨᠤᠪᠴᠢᠳᠠᠢ ᠰᠢᠢᠳᠪᠤᠷᠢᠯᠡᠵᠦ᠂ ᠲᠠᠯ᠎ᠠ ᠨᠤᠳᠤᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠠᠰᠢᠭᠯᠠᠵᠤ᠂ ᠡᠬᠦᠯᠳᠡᠷ ᠰᠢᠯᠢᠳᠡᠭ᠂ ᠦᠢᠯᠡᠳᠬᠦᠨ ᠠᠮᠤᠷ ᠲᠦᠪᠰᠢᠨ᠂  ᠦᠷ᠎ᠡ ᠠᠰᠢᠭ ᠦᠨᠳᠦᠷ᠂ ᠡᠬᠢ ᠪᠠᠶᠠᠯᠢᠭ ᠲᠤ ᠠᠷᠪᠢᠳᠠᠢ᠂ ᠤᠷᠴᠢᠨ ᠠᠬᠤᠢ ᠲᠠᠢ ᠵᠤᠬᠢᠴᠠᠭᠰᠠᠨ ᠤᠳᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠳᠡ ᠶᠢᠨ ᠵᠠᠮ ᠢᠶᠠᠷ  ᠵᠠᠮᠨᠠᠨ᠎ᠠ᠃ ᠬᠤᠶᠠᠷ ᠲᠤ ᠵᠠᠰᠠᠭ ᠤᠨ ᠤᠷᠳᠤᠨ  ᠎ ᠠᠴᠠ ᠵᠢᠯᠤᠭᠤᠳᠤᠨ ᠲᠠᠭᠠᠭᠤᠯᠵᠦ᠂ ᠵᠠᠬ᠎ᠠ ᠲᠡᠯᠭᠡᠬᠦᠷᠴᠢᠯᠡᠨ ᠡᠵᠡᠩᠨᠡᠨ᠎ᠡ᠃ ᠡᠬᠢ ᠪᠠᠶᠠᠯᠢᠭ ᠤᠨ ᠲᠤᠬᠢᠷᠠᠭᠤᠯᠤᠯᠳᠠ ᠲᠤᠮᠳᠠᠬᠢ ᠵᠠᠬ᠎ᠠ ᠲᠡᠯᠭᠡᠬᠦᠷ ᠤᠨ ᠰᠢᠢᠳᠪᠤᠷᠢᠯᠡᠭᠴᠢ ᠴᠢᠨᠠᠷᠳᠠᠢ ᠦᠢᠯᠡᠳᠦᠯ ᠢ ᠪᠠᠳᠠᠷᠠᠭᠤᠯᠵᠦ᠂ ᠵᠠᠰᠠᠭ ᠤᠨ ᠤᠷᠳᠤᠨ ᠤ ᠵᠢᠯᠤᠭᠤᠳᠤᠨ ᠲᠠᠭᠠᠭᠤᠯᠬᠤ ᠦᠢᠯᠡᠳᠦᠯ  ᠎ ᠢᠶᠠᠨ ᠨᠡᠩ ᠰᠠᠶᠢᠨ ᠪᠠᠲᠠᠷᠠᠭᠤᠯᠵᠥ᠂ ︽ᠵᠠᠰᠠᠭ ᠤᠨ ᠤᠷᠳᠤᠨ ᠠᠴᠠ ᠵᠢᠯᠤᠭᠤᠳᠬᠤ᠂ ᠵᠠᠬ᠎ᠠ ᠲᠡᠯᠭᠡᠬᠦᠷᠴᠢᠯᠡᠨ ᠡᠵᠡᠩᠨᠡᠬᠦ᠂ ᠺᠤᠮᠫᠠᠨᠢ + ᠮᠠᠯᠵᠢᠬᠤ ᠲᠠᠷᠢᠶᠠᠯᠠᠬᠤ ᠡᠷᠦᠭᠡ︾᠎ ᠶᠢᠨ ᠬᠡᠯᠪᠡᠷᠢ  ᠎ ᠪᠠᠷ ᠠᠬᠢᠭᠤᠯᠤᠨ᠎ᠠ᠃ ᠭᠤᠷᠪᠠ ᠳᠤ ᠮᠠᠯᠵᠢᠬᠤ ᠲᠠᠷᠢᠬᠤ ᠡᠳ᠋ᠰᠢᠬᠦᠯᠵᠦ ᠪᠤᠯᠪᠠᠰᠤᠷᠠᠭᠤᠯᠬᠤ ᠶᠢ ᠤᠶᠠᠯᠳᠤᠭᠤᠯᠵᠦ᠂ ᠠᠵᠦ ᠦᠢᠯᠡᠰ ᠢ ᠤᠶᠠᠯᠳᠤᠭᠤᠯᠤᠨ ᠬᠦᠭᠵᠢᠬᠦᠯᠦᠨ᠎ᠡ᠃ ᠡᠬᠦᠯᠳᠡᠷ ᠪᠤᠶᠢᠵᠢᠭᠤᠯᠬᠤ᠂ ᠦᠰᠬᠡᠨ ᠦᠷᠡᠵᠢᠬᠦᠯᠬᠦ᠂ ᠪᠤᠷᠳᠤᠨ ᠲᠠᠷᠭᠤᠯᠠᠭᠤᠯᠬᠤ᠂ ᠡᠳ᠋ᠰᠢᠬᠦᠯᠵᠦ ᠪᠤᠯᠪᠠᠰᠤᠷᠠᠭᠤᠯᠬᠤ᠂ ᠪᠤᠷᠤᠯᠠᠭᠤᠯᠬᠤ ᠪᠦᠬᠦ ᠠᠵᠦ ᠦᠢᠯᠡᠰ ᠤᠨ ᠬᠡᠯᠬᠢᠶᠡᠵᠢᠯ ᠢ ᠨᠢᠭᠡ ᠴᠤᠭᠴᠠᠵᠢᠭᠤᠯᠤᠨ ᠡᠵᠡᠩᠨᠡᠵᠦ᠂ ᠮᠠᠯᠵᠢᠬᠤ ᠲᠠᠷᠢᠬᠤ ᠪᠦᠳᠦᠴᠡ ᠶᠢᠨ ᠲᠤᠬᠢᠷᠠᠭᠤᠯᠤᠯᠳᠠ ᠶᠢ ᠰᠢᠯᠢᠳᠡᠭᠵᠢᠬᠦᠯᠦᠨ ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠶᠢᠨ ᠬᠠᠮᠳᠦ ᠲᠡᠬᠦᠨ ᠲᠠᠢ ᠬᠤᠯᠪᠤᠭᠳᠠᠭᠰᠠᠨ ᠲᠠᠭᠠᠯᠳᠠ ᠪᠥᠲᠥᠭᠡᠭᠲᠡᠬᠦᠨ ᠤ ᠪᠤᠯᠪᠠᠰᠤᠷᠠᠭᠤᠯᠤᠯᠳᠠ ᠶᠢ ᠲᠠᠶᠢᠴᠢᠯᠠᠵᠦ᠂ ᠦᠢᠯᠡᠳᠪᠤᠷᠢᠯᠡᠯ ᠤᠨ ᠴᠢᠨᠠᠷᠳᠠᠢ ᠦᠢᠯᠡᠴᠢᠯᠡᠭᠡᠨ ᠤ ᠦᠢᠯᠡᠰ ᠵᠢᠴᠢ ᠰᠤᠶᠤᠯ ᠵᠤᠭᠠᠴᠠᠯ ᠤᠨ ᠦᠢᠯᠡᠰ ᠢ ᠬᠦᠨᠵᠡᠭᠡᠢ ᠤᠶᠠᠯᠳᠤᠭᠤᠯᠤᠨ ᠵᠤᠬᠢᠴᠠᠩᠭᠤᠢ ᠬᠦᠭᠵᠢᠬᠦᠯᠦᠨ᠎ᠡ᠃ ᠲᠦᠷᠪᠡ ᠳᠤ ᠰᠢᠨᠵᠢᠯᠡᠬᠦ ᠮᠡᠷᠭᠡᠵᠢᠯ ᠳᠤ ᠲᠤᠯᠭᠠᠭᠤᠷᠢᠯᠠᠵᠦ᠂ ᠡᠷᠴᠢᠮᠵᠢᠬᠦᠯᠦᠨ ᠬᠦᠭᠵᠢᠬᠦᠯᠦᠨ᠎ᠡ᠃ ᠰᠢᠨ᠎ᠡ ᠶᠢ ᠡᠬᠦᠳᠬᠦ ᠪᠠᠷ ᠤᠳᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠳᠡ ᠶᠢᠨ ᠨᠢᠭᠡᠳᠦᠭᠡᠷ  ᠲᠦᠯᠬᠢᠴᠡ ᠬᠦᠴᠦᠨ ᠪᠤᠯᠭᠠᠵᠦ᠂ ᠮᠠᠯ ᠠᠵᠦ ᠠᠬᠤᠢ ᠵᠢᠴᠢ ᠬᠠᠮᠢᠶ᠎ᠠ ᠪᠦᠬᠦᠢ ᠬᠦᠷᠢᠶ᠎ᠠ ᠬᠡᠪᠴᠢᠶᠠᠨ ᠳᠠᠬᠢ ᠰᠢᠨᠵᠢᠯᠡᠬᠦ ᠮᠡᠷᠭᠡᠵᠢᠯ ᠤᠨ ᠦᠷ᠎ᠡ ᠪᠦᠳᠦᠭᠡᠯ ᠢ ᠠᠰᠢᠭᠯᠠᠬᠤ ᠬᠢᠭᠡᠳ ᠲᠠᠪᠰᠢᠩᠭᠤᠢ ᠬᠡᠷᠡᠭᠯᠡᠭᠡᠨ ᠤ ᠮᠡᠷᠭᠡᠵᠢᠯ ᠢ ᠲᠡᠯᠭᠡᠷᠡᠬᠦᠯᠬᠦ ᠡᠷᠴᠢᠮ ᠢᠶᠠᠨ ᠴᠢᠩᠭᠠᠷᠠᠭᠤᠯᠵᠦ᠂ ᠤᠳᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠳᠡ ᠳᠠᠬᠢ ᠰᠢᠨᠵᠢᠯᠡᠬᠦ ᠮᠡᠷᠭᠡᠵᠢᠯ ᠤᠨ ᠠᠭᠤᠯᠬᠤᠨ ᠢ ᠨᠡᠮᠡᠭᠲᠡᠬᠦᠯᠥᠨ᠎ᠠ᠃ ᠲᠠᠪᠤ ᠳᠤ ᠠᠰᠢᠭ ᠲᠤᠰᠠ ᠶᠢᠨ ᠬᠤᠯᠪᠤᠭᠠᠳᠦ ᠲᠤᠭᠲᠠᠴᠠ ᠶᠢ ᠪᠠᠷᠢᠮᠳᠠᠯᠠᠵᠦ᠂ ᠠᠷᠠᠳ ᠢ ᠪᠠᠶᠠᠵᠢᠭᠤᠯᠵᠦ ᠬᠢᠯᠢ ᠬᠢᠵᠠᠭᠠᠷ ᠢ ᠲᠤᠭᠳᠠᠪᠤᠷᠢᠵᠢᠭᠤᠯᠤᠨ᠎ᠠ᠃ ᠲᠤᠯᠤᠭᠠᠶᠢᠯᠠᠭᠴᠢ ᠠᠵᠦ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠲᠤᠭᠳᠠᠭᠤᠨ᠂ ᠨᠢᠬᠳᠠ ᠴᠢᠩᠭ᠎ᠠ ᠠᠰᠢᠭ ᠲᠤᠰᠠ ᠶᠢᠨ ᠬᠤᠯᠪᠤᠭᠠᠳᠦ  ᠲᠤᠭᠲᠠᠴᠠ ᠶᠢ  ᠪᠠᠶᠢᠭᠤᠯᠵᠥ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠦ ᠦᠢᠯᠡᠰ ᠲᠤᠮᠳᠠ ᠠᠴᠠ ᠮᠠᠯᠴᠢᠨ ᠲᠠᠷᠢᠶᠠᠴᠢᠠ ᠤ ᠤᠷᠤᠯᠭ᠎ᠠ ᠶᠢᠨ ᠨᠡᠮᠡᠭᠳᠡᠯ ᠎ ᠤᠨ ᠤᠷᠤᠨ ᠵᠠᠢ ᠬᠢᠭᠡᠳ ᠠᠷᠭ᠎ᠠ ᠵᠠᠮ ᠢ ᠦᠷᠭᠡᠳᠬᠡᠨ᠂  ᠲᠤᠭᠳᠠᠭᠤᠨ ᠨᠡᠮᠡᠭᠳᠡᠯ ᠢ ᠦᠷᠬᠦᠯᠵᠢᠯᠡᠨ ᠪᠠᠳᠤᠯᠠᠵᠦ᠂ ᠠᠷᠠᠳ ᠢᠶᠠᠨ ᠪᠠᠶᠠᠵᠢᠭᠤᠯᠵᠦ ᠬᠢᠯᠢ ᠬᠢᠵᠠᠭᠠᠷ ᠢᠶᠠᠨ ᠲᠤᠭᠳᠠᠪᠤᠷᠢᠵᠢᠭᠤᠯᠬᠤ ᠶᠢ ᠠᠬᠢᠭᠤᠯᠤᠨ᠎ᠠ᠃ ︵ᠭᠤᠷᠪᠠ︶ ᠬᠦᠭᠵᠢᠯᠳᠡ ᠶᠢᠨ ᠬᠠᠷᠠᠯᠳᠠ 2015 ᠤᠨ ᠳᠤ ᠪᠦᠬᠦ ᠠᠶᠢᠮᠠᠭ ᠤᠨ ᠮᠠᠯᠵᠢᠯ ᠤᠨ ᠤᠨ ᠤ ᠦᠭᠡᠷ ᠤᠨ ᠲᠤᠭ᠎ᠠ 139 ᠲᠦᠮᠡ  ᠬᠥᠷᠥᠭᠰᠡᠨ ᠰᠠᠭᠤᠷᠢᠨ ᠲᠡᠭᠡᠷ᠎ᠡ᠂ ᠰᠢᠯᠢᠳᠡᠭ ᠡᠬᠦᠯᠳᠡᠷ ᠤᠷᠤᠭᠤᠯᠵᠦ ᠦᠷᠡᠵᠢᠬᠦᠯᠬᠦ ᠪᠠᠷ ᠲᠠᠮᠵᠢᠭᠤᠯᠤᠨ᠂ ᠡᠬᠦᠯᠳᠡᠷ ᠤᠨ ᠰᠢᠯᠢᠳᠡᠭᠵᠢᠯᠳᠡ ᠬᠢᠭᠡᠳ ᠦᠷᠡᠵᠢᠯᠳᠡ ᠶᠢᠨ ᠨᠤᠷᠮ᠎ᠠ  ᠎ ᠶᠢ ᠲᠡᠭᠡᠭᠰᠢᠯᠡᠬᠦᠯᠵᠦ᠂ ᠬᠡᠪᠴᠢᠶᠡᠵᠢᠬᠦᠯᠦᠨ  ᠪᠠᠷᠢᠮᠵᠢᠶᠠᠵᠢᠭᠤᠯᠤᠨ ᠲᠡᠵᠢᠭᠡᠨ ᠦᠷᠡᠵᠢᠬᠦᠯᠬᠦ ᠪᠠ ᠪᠤᠷᠳᠤᠨ ᠲᠠᠷᠭᠤᠯᠠᠭᠤᠯᠬᠤ ᠶᠢ ᠪᠦᠬᠦ ᠲᠠᠯ᠎ᠠ ᠪᠠᠷ ᠲᠦᠭᠡᠮᠡᠯᠵᠢᠬᠦᠯᠦᠨ᠂  ᠲᠠᠭᠠᠭᠤᠯᠤᠭᠴᠢ ᠠᠵᠦ ᠠᠬᠤᠶᠢᠯᠠᠯ ᠤᠨ ᠪᠠᠶᠢᠭᠤᠯᠤᠭᠰᠠᠨ ᠬᠡᠪᠴᠢᠶᠡᠵᠢᠭᠰᠡᠨ ᠪᠠᠷᠢᠮᠵᠢᠶᠠᠵᠢᠭᠰᠠᠨ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠱᠤᠭᠤᠮ ᠢ ᠲᠠᠳᠠᠨ ᠤᠷᠤᠭᠤᠯᠵᠦ ᠪᠤᠶᠢᠵᠢᠭᠤᠯᠤᠨ᠂ ᠪᠦᠬᠦᠶᠢᠯᠡ ᠠᠵᠦ ᠦᠢᠯᠡᠰ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠦᠨ᠎ᠡ᠃ 2020 ᠤᠨ ᠪᠤᠯᠬᠤ ᠳᠤ ᠪᠦᠬᠦ ᠠᠶᠢᠮᠠᠭ ᠤᠨ ᠮᠠᠯᠵᠢᠯ ᠤᠨ ᠤᠨ ᠤ ᠰᠢᠯᠢᠳᠡᠭ ᠡᠬᠦᠯᠳᠡᠷ ᠤᠨ ᠦᠭᠡᠷ ᠤᠨ ᠲᠤᠭ᠎ᠠ ᠶᠢ 300 ᠲᠦᠮᠡ ᠠᠴᠠ ᠲᠡᠭᠡᠭᠰᠢ ᠬᠦᠷᠭᠡᠵᠦ᠂ ᠵᠢᠯ ᠳᠤ 100 ᠲᠦᠮᠡ ᠠᠴᠠ ᠲᠡᠭᠡᠭᠰᠢ ᠦᠭᠡᠷ ᠪᠤᠷᠳᠤᠨ ᠲᠠᠷᠭᠤᠯᠠᠭᠤᠯᠵᠦ ᠡᠳ᠋ᠰᠢᠬᠦᠯᠦᠨ ᠪᠤᠯᠪᠠᠰᠤᠷᠠᠭᠤᠯᠵᠦ᠂ ᠰᠢᠯᠢᠳᠡᠭ ᠡᠬᠦᠯᠳᠡᠷ ᠤᠨ ᠦᠭᠡᠷ ᠰᠤᠩᠭᠤᠨ ᠪᠤᠶᠢᠵᠢᠭᠤᠯᠬᠤ᠂ ᠲᠡᠵᠢᠭᠡᠨ ᠦᠷᠡᠵᠢᠬᠦᠯᠵᠦ ᠲᠠᠷᠭᠤᠯᠠᠭᠤᠯᠬᠤ᠂ ᠦᠢᠯᠡᠳᠪᠤᠷᠢᠯᠡᠵᠦ ᠡᠳ᠋ᠰᠢᠬᠦᠯᠬᠦ ᠶᠢ ᠬᠡᠪᠴᠢᠶᠡᠵᠢᠬᠦᠯᠦᠨ ᠪᠠᠷᠢᠮᠵᠢᠶᠠᠵᠢᠭᠤᠯᠵᠦ ᠨᠢᠭᠡ ᠴᠤᠭᠴᠠᠵᠢᠭᠤᠯᠤᠭᠰᠠᠨ ᠦᠢᠯᠡᠳᠪᠤᠷᠢᠯᠡᠯ ᠢ ᠪᠠᠶᠠᠯᠡᠬᠦᠯᠦᠨ᠎ᠡ᠃ 3  — 5 ᠵᠢᠯ ᠤᠨ ᠬᠤᠭᠤᠴᠠᠭ᠎ᠠ ᠬᠡᠷᠡᠭᠰᠡᠨ᠂ ᠰᠢᠯᠢ ᠎ ᠶᠢᠨ ᠭᠤᠤᠯ ᠠᠶᠢᠮᠠᠭ ᠢᠶᠠᠨ ᠤᠯᠤᠰ ᠤᠨ ᠲᠡᠰ ᠤᠨ ᠰᠢᠯᠢᠳᠡᠭ ᠡᠬᠦᠯᠳᠡᠷ ᠤᠨ ᠦᠭᠡᠷ ᠦᠷᠡᠵᠢᠬᠦᠯᠦᠨ ᠪᠤᠶᠢᠵᠢᠭᠤᠯᠬᠤ ᠵᠢᠱᠢᠶ᠎ᠡ ᠦᠵᠡᠬᠦᠯᠬᠦ ᠰᠠᠭᠤᠷᠢᠨ ᠪᠤᠯᠭᠠᠵᠦ᠂ ᠮᠠᠨ ᠤ ᠤᠯᠤᠰ ᠤᠨ ᠲᠤᠮᠳᠠ ᠲᠡᠭᠡᠳᠦ ᠲᠡᠰ ᠤᠨ ᠪᠤᠬᠢᠷᠳᠤᠯ ᠦᠭᠡᠢ ᠮᠠᠯ ᠎ ᠤᠨ ᠠᠰᠢᠭ ᠰᠢᠮ᠎ᠡ ᠶᠢᠨ ᠪᠥᠲᠥᠭᠡᠭᠲᠡᠬᠦᠨ ᠥᠢᠯᠡᠳᠪᠤᠷᠢᠯᠡᠵᠥ  ᠪᠤᠯᠪᠠᠰᠤᠷᠠᠭᠤᠯᠬᠤ ᠲᠥᠪ ᠪᠤᠯᠭᠠᠵᠥ᠂ ᠠᠵᠦ ᠦᠢᠯᠡᠰ ᠬᠦᠴᠦᠷᠭᠡᠭᠵᠢᠭᠰᠡᠨ᠂ ᠠᠮᠢ ᠠᠬᠤᠢ ᠰᠠᠶᠢᠵᠢᠷᠠᠭᠰᠠᠨ᠂ ᠮᠠᠯᠴᠢᠨ ᠲᠠᠷᠢᠶᠠᠴᠢᠨ ᠤ ᠤᠷᠤᠯᠭ᠎ᠠ ᠨᠡᠮᠡᠭᠳᠡᠭᠰᠡᠨ᠂ ᠠᠵᠦ ᠠᠬᠤᠶᠢᠯᠠᠯ ᠤᠨ ᠠᠰᠢᠭ ᠨᠡᠮᠡᠭᠳᠡᠭᠰᠡᠨ᠂ ᠨᠡᠶᠢᠭᠡᠮ ᠠᠮᠤᠷ ᠲᠤᠭᠳᠠᠭᠤᠨ  ᠪᠠᠶᠢᠬᠤ ᠶᠢ ᠪᠡᠶᠡᠯᠡᠬᠦᠯᠵᠦ᠂ ᠪᠦᠬᠦ ᠤᠯᠤᠰ ᠪᠦᠬᠦ ᠤᠷᠤᠨ ᠲᠠᠢ   ᠢᠵᠢᠯ ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠦᠨ᠎ᠡ᠃— 2016  — 2018 ᠤᠨ ᠪᠤᠯᠳᠠᠯ᠎ᠠ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠡᠮᠵᠢᠯᠭᠡ ᠶᠢ ᠢᠳᠡᠪᠬᠢᠳᠠᠢ ᠪᠠᠷ ᠡᠷᠡᠮᠡᠯᠵᠡᠯᠡᠵᠥ᠂ ᠲᠤᠯᠤᠭᠠᠶᠢᠯᠠᠭᠴᠢ ᠠᠵᠦ ᠠᠬᠤᠶᠢᠯᠠᠯ᠂ ᠲᠦᠷᠢᠮᠵᠢᠭᠰᠡᠨ ᠬᠤᠷᠰᠢᠶᠠᠵᠢᠯ ︵ᠬᠤᠯᠪᠤᠭᠠᠯᠠᠨ ᠡᠵᠡᠩᠨᠡᠭᠰᠡᠨ ᠡᠷᠦᠭᠡ︶᠂ ᠤᠳᠤ ᠦᠶ᠎ᠡ ᠶᠢᠨ ᠭᠡᠷ ᠪᠦᠯᠢ ᠶᠢᠨ ᠮᠠᠯᠵᠢᠯ ᠤᠨ  ᠲᠠᠯᠠᠪᠠᠢ ︵ᠮᠠᠯᠵᠢᠯ ᠤᠨ ᠲᠤᠰᠬᠠᠢ ᠡᠷᠦᠭᠡ︶ ᠵᠡᠷᠭᠡ ᠶᠢ ᠵᠤᠷᠢᠬᠵᠢᠭᠤᠯᠤᠨ᠂ ᠠᠩᠬᠢᠰ᠂ ᠰᠢᠮᠧᠨ᠋ᠲ᠋ᠡᠷ ᠵᠡᠷᠭᠡ ᠰᠢᠯᠢᠳᠡᠭ ᠡᠬᠦᠯᠳᠡᠷ ᠤᠨ ᠦᠭᠡᠷ ᠢ 10 ᠲᠦᠮᠡ ᠤᠷᠤᠭᠤᠯᠤᠨ᠎ᠠ᠃— ᠤᠯᠤᠰ ᠤᠨ ᠲᠤᠳᠤᠭᠠᠳᠦ ᠭᠠᠳᠠᠭᠠᠳᠦ ᠶᠢᠨ ᠠᠵᠢᠯ ᠲᠦᠷᠦᠯ ᠤᠨ  ᠲᠠᠭᠠᠭᠤᠯᠤᠭᠴᠢ ᠠᠵᠦ ᠠᠬᠤᠶᠢᠯᠠᠯ  ᠎ ᠢ 10᠎ ᠠᠴᠠ ᠲᠡᠭᠡᠭᠰᠢ ᠲᠠᠳᠠᠨ ᠤᠷᠤᠭᠤᠯᠵᠦ᠂ ᠠᠵᠦ ᠠᠬᠤᠶᠢᠯᠠᠯ ᠪᠤᠯᠭᠠᠨ ᠨᠠᠭᠠᠲᠤ ᠵᠠᠬ᠎ᠠ ᠳᠠᠭᠠᠨ 2000  ᠦᠭᠡᠷ ᠮᠠᠯᠵᠢᠬᠤ ᠬᠡᠪᠴᠢᠶ᠎ᠠ ᠲᠠᠢ ᠤᠯᠤᠰ ᠤᠨ ᠲᠤᠳᠤᠭᠠᠳᠦ ᠶᠢᠨ ᠲᠡᠷᠢᠬᠦᠨ ᠤ ᠪᠠᠷᠢᠮᠵᠢᠶᠠᠵᠢᠭᠰᠠᠨ ᠰᠢᠯᠢᠳᠡᠭ ᠡᠬᠦᠯᠳᠡᠷ ᠤᠨ ᠦᠭᠡᠷ ᠭᠤᠤᠯᠲᠠᠯᠭ᠎ᠠ ᠲᠠᠢ ᠪᠤᠶᠢᠵᠢᠭᠤᠯᠬᠤ ᠲᠠᠯᠠᠪᠠᠢ ᠶᠢ ᠠᠳᠠᠭ ᠲᠠᠭᠠᠨ 1᠎ ᠶᠢ ᠪᠠᠶᠢᠭᠤᠯᠤᠨ᠎ᠠ  ︔ 300᠎ ᠠᠴᠠ ᠲᠡᠭᠡᠭᠰᠢ ᠦᠭᠡᠷ ᠮᠠᠯᠵᠢᠬᠤ ᠬᠡᠪᠴᠢᠶ᠎ᠠ ᠲᠠᠢ ᠬᠤᠶᠠᠳᠤᠭᠠᠷ ᠲᠡᠰ ᠤᠨ ᠦᠰᠭᠡᠨ ᠦᠷᠡᠵᠢᠬᠦᠯᠬᠦ ᠲᠠᠯᠠᠪᠠᠢ ᠶᠢ 300 ᠎ ᠠᠴᠠ ᠲᠡᠭᠡᠭᠰᠢ ᠪᠠᠶᠢᠭᠤᠯᠤᠨ᠎ᠠ︔ ᠨᠢᠭᠡᠳᠦᠭᠡᠷ ᠤᠳᠤᠮ ᠤᠨ ᠡᠬᠡ ᠮᠠᠯ ᠢ 2 ᠲᠦᠮᠡ ᠠᠴᠠ ᠲᠡᠭᠡᠭᠰᠢ ᠬᠦᠷᠭᠡᠵᠦ᠂ ᠭᠤᠤᠯᠳᠠᠯᠭᠠᠳᠦ ᠰᠦᠷᠦᠭ ᠤᠨ ᠡᠬᠡ ᠮᠠᠯ ᠤᠨ ᠲᠤᠭ᠎ᠠ ᠶᠢ 28 ᠲᠦᠮᠡ ᠤᠷᠴᠢᠮ ᠬᠦᠷᠭᠡᠨ᠂ ᠵᠢᠯ ᠳᠤ 14 ᠲᠦᠮᠡ ᠎ ᠠᠴᠠ ᠲᠡᠭᠡᠭᠰᠢ ᠡᠬᠦᠯᠳᠡᠷ ᠬᠠᠩᠭᠠᠬᠤ ᠴᠢᠳᠠᠪᠤᠷᠢ ᠶᠢ ᠪᠦᠷᠢᠳᠦᠬᠦᠯᠦᠨ᠂ ᠤᠯᠤᠰ ᠤᠨ ᠲᠤᠳᠤᠭᠠᠳᠦ  ᠎ ᠳᠠᠬᠢ ᠠᠩᠬᠢᠰ ᠬᠠᠷ᠎ᠠ᠂ ᠰᠢᠮᠧᠨ᠋ᠲ᠋ᠡᠷ ᠦᠭᠡᠷ ᠤᠨ ᠭᠤᠤᠯᠳᠠᠯᠭᠠᠳᠦ ᠰᠦᠷᠦᠭ ᠢ ᠦᠷᠡᠵᠢᠬᠦᠯᠦᠨ ᠪᠤᠶᠢᠵᠢᠭᠤᠯᠬᠤ ᠬᠠᠮᠤᠭ ᠲᠤᠮᠤ ᠰᠠᠭᠤᠷᠢᠨ ᠭᠠᠵᠠᠷ ᠢ ᠪᠠᠶᠢᠭᠤᠯᠤᠨ᠎ᠠ᠃— ᠬᠡᠪᠴᠢᠶᠡᠵᠢᠭᠰᠡᠨ ᠪᠠᠷᠢᠮᠵᠢᠶᠠᠵᠢᠭᠰᠠᠨ ᠲᠦᠷᠢᠮᠵᠢᠭᠰᠡᠨ ᠮᠠᠯᠴᠢᠨ ᠲᠠᠷᠢᠶᠠᠴᠢᠨ ᠤ ᠬᠤᠷᠰᠢᠶᠠᠵᠢᠯ ︵ᠬᠤᠯᠪᠤᠭᠠᠯᠠᠨ ᠡᠵᠡᠩᠨᠡᠭᠰᠡᠨ ᠡᠷᠦᠭᠡ︶ 1000᠎ ᠠᠴᠠ ᠲᠡᠭᠡᠭᠰᠢ ᠪᠠᠶᠢᠬᠤ ᠶᠢ ᠲᠡᠮᠵᠢᠵᠦ᠂ ᠬᠤᠷᠰᠢᠶᠠᠵᠢᠯ ᠪᠦᠷᠢ ᠶᠢᠨ ᠮᠠᠯᠵᠢᠯ ᠤᠨ ᠬᠡᠪᠴᠢᠶᠡᠵᠢᠯ ᠢ ᠨᠢ 300᠎ ᠠᠴᠠ ᠲᠡᠭᠡᠭᠰᠢ ᠪᠠᠶᠢᠯᠭᠠᠨ᠎ᠠ᠃— 1 ᠲᠦᠮᠨ ᠠᠴᠠ ᠲᠡᠭᠡᠭᠰᠢ ᠤᠳᠤ ᠦᠶ᠎ᠠ ᠶᠢᠨ ᠭᠡᠷ ᠪᠦᠯᠢ ᠶᠢᠨ ᠮᠠᠯᠵᠢᠯ ᠤᠨ ᠲᠡᠯᠠᠪᠠᠢ ︵ᠮᠠᠯᠵᠢᠯ ᠤᠨ ᠲᠤᠰᠬᠠᠢ ᠡᠷᠦᠭᠡ︶  ᠪᠠᠶᠢᠬᠤ ᠶᠢ ᠲᠡᠮᠵᠢᠵᠦ᠂ ᠡᠷᠦᠭᠡ ᠪᠦᠷᠢ ᠶᠢᠨ ᠮᠠᠯᠵᠢᠯ ᠤᠨ ᠬᠡᠪᠴᠢᠶᠡᠵᠢᠯ ᠢ  50᠎ ᠠᠴᠠ ᠲᠡᠭᠡᠭᠰᠢ ᠪᠠᠶᠢᠯᠭᠠᠨ᠎ᠠ᠃— 1 ᠲᠦᠮᠡᠨ ᠦᠭᠡᠷ ᠪᠤᠷᠳᠤᠨ ᠲᠠᠷᠭᠤᠯᠠᠭᠤᠯᠬᠤ ᠬᠡᠪᠴᠢᠶᠡᠵᠢᠯ ᠲᠠᠢ ᠰᠠᠭᠤᠷᠢᠨ ᠭᠠᠵᠠᠷ ᠢ 10᠎ ᠠᠴᠠ ᠲᠡᠭᠡᠭᠰᠢ ᠪᠠᠶᠢᠭᠤᠯᠬᠤ ᠶᠢ ᠵᠤᠷᠢᠬᠵᠢᠭᠤᠯᠤᠨ᠂ ᠮᠠᠯᠵᠢᠯ ᠤᠨ ᠤᠷᠤᠨ ᠪᠦᠰᠡ ᠳᠠᠬᠢ 80%᠎ ᠠᠴᠠ ᠲᠡᠭᠡᠭᠰᠢᠬᠢ ᠮᠠᠯᠵᠢᠬᠤ ᠲᠠᠷᠢᠶᠠᠯᠠᠬᠤ ᠡᠷᠦᠭᠡ ᠶᠢ ᠲᠠᠶᠢᠴᠢᠯᠠᠨ ᠲᠠᠭᠠᠭᠤᠯᠵᠦ᠂ ᠵᠤᠬᠢᠬᠤ ᠬᠡᠪᠴᠢᠶ᠎ᠡ ᠪᠠᠷ ᠲᠤᠰᠬᠠᠶᠢᠵᠢᠭᠤᠯᠤᠨ ᠮᠠᠯᠵᠢᠭᠤᠯᠤᠨ᠎ᠠ᠃— ᠰᠢᠯᠢ ᠶᠢᠨ ᠬᠤᠳᠠ᠂ ᠵᠡᠬᠦᠨ ᠦᠵᠦᠮᠦᠴᠢᠨ ᠬᠤᠰᠢᠭᠤ᠂ ᠲᠠᠶᠢᠹᠦᠰᠧ ᠬᠤᠰᠢᠭᠤᠨ ᠳᠤ ᠲᠤᠰᠪᠤᠷᠢ ᠵᠢᠯ ᠳᠡᠭᠡᠨ 30 ᠲᠦᠮᠡ ᠠᠴᠠ ᠲᠡᠭᠡᠭᠰᠢ ᠦᠭᠡᠷ ᠡᠳ᠋ᠰᠢᠬᠦᠯᠵᠦ ᠪᠤᠯᠪᠠᠰᠤᠷᠠᠭᠤᠯᠬᠤ ᠴᠢᠳᠠᠪᠬᠢ ᠲᠠᠢ ᠨᠠᠷᠢᠯᠢᠭ ᠡᠳ᠋ᠰᠢᠬᠦᠯᠬᠦ ᠦᠢᠯᠡᠳᠪᠤᠷᠢᠯᠡᠯ ᠤᠨ ᠱᠤᠭᠤᠮ ᠪᠠᠶᠢᠭᠤᠯᠵᠦ᠂ ᠰᠢᠯᠢᠳᠡᠭ ᠡᠬᠦᠯᠳᠡᠷ ᠤᠨ ᠦᠭᠡᠷ ᠪᠦᠷᠢ ᠶᠢᠨ ᠶᠡᠷᠦᠩᠭᠡᠶᠢᠯᠡᠭᠰᠡᠨ ᠦᠢᠯᠡᠳᠬᠦᠨ ᠤ ᠦᠷᠳᠡᠭ 6 ᠲᠦᠮᠡ ᠶᠢᠨ ᠰᠢᠪᠳᠤᠯᠤᠯᠳᠠ ᠶᠢ ᠪᠡᠶᠡᠯᠡᠬᠦᠯᠵᠦ᠂ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠡᠷᠦᠭᠡ ᠶᠢ 3 ᠲᠦᠮᠨ ᠠᠴᠠ ᠲᠡᠭᠡᠭᠰᠢ ᠲᠠᠶᠢᠴᠢᠯᠠᠨ᠂  ᠪᠦᠬᠦ ᠠᠶᠢᠮᠠᠭ ᠤᠨ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠤᠷᠤᠯᠭ᠎ᠠ ᠶᠢᠨ ᠨᠡᠮᠡᠭᠳᠡᠯ ᠢ 2 ᠲᠦᠮᠡᠨ ᠲᠦᠬᠦᠷᠢᠭ ᠲᠤ ᠬᠦᠷᠭᠡᠨ᠎ᠡ᠃— ᠦᠭᠡᠷ ᠤᠨ ᠡᠬᠦᠯᠳᠡᠷ ᠰᠠᠶᠢᠵᠢᠷᠠᠭᠤᠯᠤᠯᠳᠠ ᠶᠢᠨ ᠬᠡᠮᠵᠢᠶ᠎ᠡ᠂ ᠭᠤᠷᠪᠠᠳᠤᠭᠠᠷ ᠦᠶ᠎ᠡ ᠠᠴᠠ  ᠲᠡᠭᠡᠭᠰᠢᠬᠢ ᠰᠢᠯᠢᠳᠡᠭ ᠡᠬᠦᠯᠳᠡᠷ ᠤᠨ ᠡᠬᠡ ᠮᠠᠯ ᠤᠨ ᠬᠠᠷᠢᠴᠠᠯ᠂ ᠲᠡᠵᠢᠭᠡᠨ ᠦᠷᠡᠵᠢᠬᠦᠯᠬᠦ ᠤᠨᠳᠤᠷᠤᠯᠳᠠ ᠶᠢᠨ ᠨᠤᠷᠮ᠎ᠠ᠂ ᠠᠷᠠᠴᠢᠯᠡᠨ ᠮᠠᠯᠵᠢᠵᠥ ᠪᠤᠷᠳᠤᠨ ᠲᠠᠷᠭᠤᠯᠠᠭᠤᠯᠬᠤ ᠬᠡᠪᠴᠢᠶᠡᠵᠢᠯ ᠬᠢᠭᠡᠳ ᠪᠠᠷᠢᠮᠵᠢᠶ᠎ᠠ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠨ ᠪᠦᠷᠢ ᠳᠤ ᠲᠡᠭᠰᠢᠳᠭᠡᠭᠰᠡᠨ ᠡᠬᠡ ᠮᠠᠯ ᠤᠨ ᠲᠤᠭ᠎ᠠ᠂ ᠦᠭᠡᠷ ᠮᠠᠯᠵᠢᠬᠤ ᠠᠰᠢᠭ ᠤᠷᠤᠯᠭ᠎ᠠ ᠵᠡᠷᠭᠡ ᠰᠢᠯᠢᠲᠡᠭ ᠡᠬᠦᠯᠲᠡᠷ ᠤᠨ ᠥᠭᠡᠷ ᠮᠠᠯᠵᠢᠬᠤ ᠥᠷ᠎ᠠ ᠠᠰᠢᠭ ᠤᠨ ᠵᠢᠭᠠᠯᠲᠠ ᠲᠤᠭ᠎ᠠ ᠶᠢ ᠤᠯᠤᠰ ᠤᠨ ᠲᠠᠷᠢᠬᠦᠨ ᠤ ᠡᠩᠨᠡᠬᠡᠨ ᠳᠤ ᠬᠦᠷᠭᠡᠨ᠎ᠡ᠃ ᠤᠯᠤᠰ ᠠᠴᠠ ︽ᠰᠢᠯᠢ ᠶᠢᠨ ᠭᠤᠤᠯ ᠤᠨ  ᠮᠢᠬᠠᠨ ᠤ ᠦᠬᠡᠷ︾᠎ ᠤᠨ ᠰᠢᠨ᠎ᠠ ᠡᠬᠦᠯᠲᠠᠯ ᠎ ᠢ ᠨᠤᠲᠠᠯᠠᠨ ︵ᠲᠦᠷᠪᠡ︶ ᠮᠡᠷᠭᠡᠵᠢᠯ ᠤᠨ ᠵᠠᠮ ᠱᠤᠭᠤᠮ ᠵᠢᠴᠢ ᠤᠷᠤᠨ ᠪᠦᠰᠡ ᠶᠢᠨ ᠪᠠᠶᠢᠷᠢᠯᠠᠭᠤᠯᠤᠯᠳᠠ ᠰᠢᠯᠢᠳᠡᠭ ᠡᠬᠦᠯᠳᠡᠷ ᠤᠨ ᠦᠭᠡᠷ ᠤᠷᠤᠭᠤᠯᠵᠦ ᠮᠠᠯᠵᠢᠬᠤ ᠪᠠ ᠡᠬᠦᠯᠳᠡᠷ ᠰᠠᠶᠢᠵᠢᠷᠠᠭᠤᠯᠬᠤ ᠪᠠᠷ ᠲᠠᠮᠵᠢᠭᠤᠯᠤᠨ ᠢᠴᠡᠭᠡᠯ ᠦᠷ᠎ᠡ ᠶᠢᠨ ᠭᠡᠭᠡᠯᠳᠦᠬᠦᠯᠭᠡ ᠬᠢᠭᠡᠳ  ᠪᠤᠬ᠎ᠠ ᠶᠢ ᠰᠦᠷᠤᠭ᠌ ᠲᠤ ᠲᠠᠯᠪᠢᠨ ᠬᠡᠬᠡᠯᠲᠤᠬᠦᠯᠬᠦ ᠶᠢ ᠤᠶᠠᠯᠳᠤᠭᠤᠯᠬᠤ ᠪᠠᠷ ᠭᠤᠤᠯ ᠪᠤᠯᠭᠠᠵᠦ᠂ ᠦᠭᠡᠷ ᠤᠨ ᠡᠬᠦᠯᠳᠡᠷ ᠰᠠᠶᠢᠵᠢᠷᠠᠭᠤᠯᠬᠤ ᠢᠨᠵᠧᠨᠧᠷᠢᠩ ᠤᠨ ᠮᠡᠷᠭᠡᠵᠢᠯ ᠤᠨ  ᠵᠠᠮ ᠱᠤᠭᠤᠮ᠂ ᠡᠬᠦᠯᠳᠡᠷ ᠰᠠᠶᠢᠵᠢᠷᠠᠯᠳᠠ ᠶᠢᠨ ᠠᠬᠢᠴᠠ ᠶᠢ ᠲᠦᠷᠭᠡᠳᠬᠡᠨ᠂ ᠡᠬᠦᠯᠳᠡᠷ ᠬᠠᠩᠭᠠᠬᠤ ᠴᠢᠳᠠᠪᠤᠷᠢ᠂ ᠪᠤᠳᠠᠭᠠᠯᠢ ᠪᠡᠶ᠎ᠡ ᠶᠢᠨ ᠦᠢᠯᠡᠳᠬᠦᠨ ᠤ ᠦᠷᠳᠡᠭ ᠬᠢᠭᠡᠳ ᠪᠦᠬᠦᠯᠢ ᠴᠤᠬᠴᠠ ᠶᠢᠨ ᠦᠷ᠎ᠠ ᠠᠰᠢᠭ ᠢ ᠲᠡᠭᠡᠭᠰᠢᠯᠡᠬᠦᠯᠦᠨ᠎ᠡ᠃1. ᠡᠬᠦᠯᠳᠡᠷ ᠰᠤᠩᠭᠤᠨ ᠪᠤᠶᠢᠵᠢᠭᠤᠯᠤᠨ᠎ᠠ᠃ ᠠᠵᠢᠯ ᠲᠦᠷᠦᠯ ᠤᠨ  ᠲᠠᠭᠠᠭᠤᠯᠤᠭᠴᠢ ᠠᠵᠦ ᠠᠬᠤᠶᠢᠯᠠᠯ ᠠᠴᠠ ᠭᠤᠤᠯᠳᠠᠯᠭᠠᠳᠦ ᠡᠬᠦᠯᠳᠡᠷ ᠪᠤᠶᠢᠵᠢᠭᠤᠯᠬᠤ ᠲᠠᠯᠠᠪᠠᠢ ᠪᠠᠶᠢᠭᠤᠯᠤᠨ᠂ ᠨᠢᠭᠡᠳᠦᠭᠡᠷ ᠦᠶ᠎ᠡ ᠶᠢᠨ ᠤᠳᠤᠮᠳᠦ ᠰᠢᠯᠢᠳᠡᠭ ᠡᠬᠦᠯᠳᠡᠷ ᠤᠨ ᠡᠬᠡ ᠮᠠᠯ ︵ᠭᠤᠷᠪᠠᠳᠤᠭᠠᠷ ᠦᠶ᠎ᠡ ᠠᠴᠠ ᠲᠡᠭᠡᠭᠰᠢᠬᠢ ᠤᠳᠤᠮ ᠤᠨ ᠲᠠᠩᠰᠠ ᠡᠪᠭᠡᠮᠡᠯ ᠲᠠᠢ︶᠎ ᠢ ᠤᠷᠤᠭᠤᠯᠵᠦ᠂ ᠡᠬᠦᠯᠳᠡᠷ ᠰᠤᠩᠭᠤᠨ ᠲᠤᠬᠢᠷᠠᠭᠤᠯᠬᠤ ᠲᠦᠰᠦᠪ ᠲᠤᠭᠳᠠᠭᠠᠨ᠂ ᠭᠤᠤᠯᠳᠠᠭᠤ ᠰᠢᠯᠢᠳᠡᠭ ᠡᠬᠦᠯᠳᠡᠷ ᠤᠨ ᠪᠤᠬ᠎ᠠ ᠶᠢᠨ ᠢᠴᠡᠭᠡᠯ ᠦᠷ᠎ᠡ ᠪᠠᠷ ᠭᠡᠭᠡᠯᠳᠦᠬᠦᠯᠭᠡ ᠬᠢᠵᠦ᠂ ᠦᠷ᠎ᠡ ᠶᠢᠨ ᠮᠠᠯ ᠬᠢᠭᠡᠳ ᠡᠬᠡ ᠮᠠᠯ ᠢ ᠪᠤᠶᠢᠵᠢᠭᠤᠯᠤᠨ᠎ᠠ᠃ ᠡᠬᠦᠨ ᠤ ᠬᠠᠮᠳᠦ ᠡᠬᠦᠯᠳᠡᠷ ᠤᠨ ᠪᠤᠬ᠎ᠠ ᠬᠢᠭᠡᠳ ᠡᠬᠦᠯᠳᠡᠷ ᠤᠨ ᠡᠬᠡ ᠮᠠᠯ ᠳᠤ ᠤᠳᠤᠮ ᠤᠭᠰᠠᠭᠠᠨ ᠤ ᠲᠡᠩᠰᠡ ᠡᠪᠬᠡᠮᠡᠯ  ᠪᠠᠶᠢᠭᠤᠯᠵᠥ᠂ ᠦᠢᠯᠡᠳᠪᠤᠷᠢᠯᠡᠯ ᠤᠨ ᠴᠢᠳᠠᠮᠵᠢ ᠬᠢᠭᠡᠳ ᠬᠤᠶᠢᠴᠢ ᠦᠶ᠎ᠡ ᠶᠢᠨ ᠬᠢᠨᠡᠨ ᠲᠤᠭᠳᠠᠭᠠᠯ ᠢ ᠰᠠᠶᠢᠳᠤᠷ ᠬᠢᠵᠦ᠂ ᠠᠩᠬᠢᠰ᠂ ᠰᠢᠮᠧᠨ᠋ᠲ᠋ᠡᠷ ᠵᠡᠷᠭᠡ ᠰᠢᠯᠢᠳᠡᠭ ᠡᠬᠦᠯᠳᠡᠷ ᠤᠨ ᠦᠭᠡᠷ ᠢ ᠰᠢᠯᠢ ᠶᠢᠨ ᠭᠤᠤᠯ ᠳᠤ ᠰᠢᠨ᠎ᠡ ᠎ ᠪᠠᠷ ᠰᠤᠩᠭᠤᠨ ᠪᠤᠶᠢᠵᠢᠭᠤᠯᠬᠤ ᠢᠨᠵᠧᠨᠧᠷᠢᠩ ᠢ ᠬᠡᠷᠡᠭᠵᠢᠬᠦᠯᠦᠨ᠎ᠡ᠃2.  ᠦᠰᠭᠡᠨ ᠦᠷᠡᠵᠢᠬᠦᠯᠵᠦ ᠡᠬᠦᠯᠳᠡᠷ ᠰᠠᠶᠢᠵᠢᠷᠠᠭᠤᠯᠤᠨ᠎ᠠ᠃ ᠭᠤᠤᠯᠳᠠᠭᠤ ᠬᠤᠶᠠᠳᠤᠭᠠᠷ ᠲᠡᠰ ᠤᠨ  ᠦᠰᠭᠡᠨ ᠦᠷᠡᠵᠢᠬᠦᠯᠬᠦ ᠲᠠᠯᠠᠪᠠᠢ ᠳᠤ ᠲᠦᠰᠢᠭᠯᠡᠨ᠂ ︽ᠲᠤᠯᠤᠭᠠᠶᠢᠯᠠᠭᠴᠢ ᠠᠵᠦ ᠠᠬᠤᠶᠢᠯᠠᠯ + ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠭᠡ︾᠎ ᠶᠢᠨ ᠨᠢᠬᠳᠠ ᠬᠠᠮᠳᠤᠷᠠᠯᠴᠠᠭ᠎ᠠ ᠪᠠᠷ ᠲᠠᠮᠵᠢᠭᠤᠯᠤᠨ᠂ ᠢᠴᠡᠭᠡᠯ ᠦᠷ᠎ᠡ ᠶᠢᠨ ᠭᠡᠭᠡᠯᠳᠦᠬᠦᠯᠭᠡ ᠬᠢᠭᠡᠳ  ᠪᠤᠬ᠎ᠠ ᠶᠢ ᠰᠦᠷᠤᠭ᠌ ᠲᠤ ᠲᠠᠯᠪᠢᠨ ᠬᠡᠬᠡᠯᠲᠤᠬᠦᠯᠬᠦ ᠶᠢ ᠬᠠᠷᠢᠯᠴᠠᠨ ᠤᠶᠠᠯᠳᠤᠭᠤᠯᠬᠤ ᠵᠢᠴᠢ ᠬᠦᠪᠤᠷᠡᠯ ᠰᠢᠯᠵᠢᠬᠦᠯᠬᠦ᠂ ᠡᠬᠦᠯᠳᠡᠷ ᠪᠤᠶᠢᠵᠢᠭᠤᠯᠬᠤ ᠮᠡᠷᠭᠡᠵᠢᠯ ᠢ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠠᠰᠢᠭᠯᠠᠨ᠂ ᠰᠢᠯᠢᠳᠡᠭ ᠡᠬᠦᠯᠳᠡᠷ ᠤᠨ ᠦᠭᠡᠷ ᠦᠷᠡᠵᠢᠬᠦᠯᠦᠨ ᠪᠤᠶᠢᠵᠢᠭᠤᠯᠵᠦ ᠲᠡᠯᠭᠡᠷᠡᠬᠦᠯᠬᠦ ᠶᠢ ᠲᠦᠷᠭᠡᠳᠬᠡᠨ᠎ᠡ᠃ ᠡᠬᠦᠯᠳᠡᠷ ᠰᠢᠯᠢᠳᠡᠭᠵᠢᠬᠦᠯᠬᠦ ᠮᠡᠷᠭᠡᠵᠢᠯ ᠢᠶᠠᠷ ᠤᠳᠤ ᠶᠢᠨ ᠪᠠᠶᠢᠭ᠎ᠠ ᠰᠢᠮᠧᠨ᠋ᠲ᠋ᠡᠷ ᠵᠡᠷᠭᠡ ᠶᠢᠨ ᠡᠬᠦᠯᠳᠡᠷ ᠢ ᠪᠠᠳᠤᠳᠬᠠᠨ ᠰᠠᠶᠢᠵᠢᠷᠠᠭᠤᠯᠤᠨ᠎ᠠ᠃ 2  — 3 ᠵᠢᠯ ᠤᠨ ᠬᠤᠭᠤᠴᠠᠭ᠎ᠠ ᠬᠡᠷᠡᠭᠰᠡᠨ᠂ ᠪᠦᠬᠦ ᠠᠶᠢᠮᠠᠭ ᠲᠤ ᠰᠢᠯᠢᠳᠡᠭ ᠡᠬᠦᠯᠳᠡᠷ ᠤᠨ ᠦᠭᠡᠷ ᠢ ᠦᠷᠡᠵᠢᠬᠦᠯᠦᠨ ᠪᠤᠶᠢᠵᠢᠭᠤᠯᠬᠤ ᠶᠢ ᠪᠦᠬᠦ ᠲᠠᠯ᠎ᠠ ᠪᠠᠷ ᠪᠦᠷᠬᠦᠬᠦᠯᠦᠨ᠎ᠡ᠃3. ᠦᠷᠡᠵᠢᠯᠳᠡ ᠶᠢᠨ ᠨᠤᠷᠮ᠎ᠠ ᠶᠢ ᠲᠡᠭᠡᠭᠰᠢᠯᠡᠬᠦᠯᠦᠨ᠎ᠡ᠃ ᠨᠤᠭᠤᠭᠠᠨ ᠲᠠᠷᠤᠰᠢ ᠶᠢᠨ ᠲᠡᠵᠢᠭᠡᠯ ᠤᠨ ᠬᠠᠷᠢᠴᠠᠯ ᠢ ᠨᠡᠮᠡᠭᠳᠡᠬᠦᠯᠵᠦ᠂ TMR ︵ᠬᠤᠯᠢᠮᠠᠭ ᠪᠤᠷᠳᠤᠭ᠎ᠠ︶ ᠬᠡᠪ ᠵᠠᠭᠪᠤᠷ ᠢ ᠲᠡᠯᠭᠡᠷᠡᠬᠦᠯᠦᠨ᠂ ᠡᠪᠤᠯ ᠬᠠᠪᠤᠷ ᠤᠨ ᠠᠷᠠᠴᠢᠯᠠᠭ᠎ᠠ  ᠮᠠᠯᠵᠢᠯᠠᠭ᠎ᠠ ᠶᠢ ᠰᠠᠶᠢᠵᠢᠷᠠᠭᠤᠯᠤᠨ᠂  ᠦᠨᠢᠶᠠᠨ ᠤ ᠭᠡᠭᠡᠯ ᠲᠤᠭᠳᠠᠬᠤ ᠨᠤᠷᠮ᠎ᠠ ᠶᠢ ᠲᠡᠭᠡᠭᠰᠢᠯᠡᠬᠦᠯᠦᠨ᠎ᠡ︔ ᠪᠤᠬ᠎ᠠ ᠶᠢ ᠰᠦᠷᠤᠭ᠌ ᠲᠤ ᠲᠠᠯᠪᠢᠨ ᠬᠡᠬᠡᠯᠲᠤᠬᠦᠯᠬᠦ ᠳᠤ ᠰᠦᠷᠦᠭ ᠲᠠᠬᠢ  ᠪᠤᠬ᠎ᠠ ᠬᠢᠭᠡᠳ ᠡᠬᠡ ᠮᠠᠯ ᠤᠨ ᠬᠠᠷᠢᠴᠠᠯ ᠢ 1: 20 ᠤᠷᠴᠢᠮ ᠪᠠᠶᠢᠯᠭᠠᠵᠦ᠂ ᠢᠴᠡᠭᠡᠯ ᠦᠷ᠎ᠡ ᠶᠢᠨ ᠭᠡᠭᠡᠯᠳᠦᠬᠦᠯᠭᠡ ᠬᠢᠬᠦ ᠳᠡᠭᠡᠨ ᠰᠢᠯᠢᠳᠡᠭ ᠡᠬᠦᠯᠳᠡᠷ ᠤᠨ ᠠᠩᠬᠢᠰ᠂ ᠰᠢᠮᠧᠨ᠋ᠲ᠋ᠡᠷ ᠵᠡᠷᠭᠡ ᠡᠬᠦᠯᠳᠡᠷ ᠤᠨ ᠪᠤᠬ᠎ᠠ ᠶᠢᠨ ᠢᠴᠡᠭᠡᠯ ᠦᠷ᠎ᠡ ᠶᠢ ᠰᠤᠩᠭᠤᠨ ᠬᠡᠷᠡᠭᠯᠡᠬᠦ ᠪᠠᠷ ᠭᠤᠤᠯᠯᠠᠨ᠂ ᠭᠡᠭᠡᠯ ᠲᠤᠭᠳᠠᠬᠤ ᠨᠤᠷᠮ᠎ᠠ ᠶᠢ ᠦᠨᠳᠦᠷ ᠪᠤᠯᠭᠠᠨ᠎ᠠ︔ ᠭᠡᠭᠡᠯᠳᠦᠬᠦ ᠬᠤᠭᠤᠴᠠᠭ᠎ᠠ ᠶᠢ ᠰᠢᠯᠭᠠᠨ ᠪᠠᠶᠢᠴᠠᠭᠠᠬᠤ ᠮᠡᠷᠭᠡᠵᠢᠯ ᠎ ᠢ ᠲᠡᠯᠭᠡᠷᠡᠬᠦᠯᠵᠦ᠂ ᠬᠡᠭᠡᠯ ᠲᠤᠭᠳᠠᠭᠰᠠᠨ ᠦᠭᠡᠢ ᠦᠨᠢᠶ᠎ᠡ ᠶᠢ ᠲᠠᠷᠤᠶᠢᠬᠠᠨ ᠰᠢᠭᠰᠢᠵᠦ ᠭᠠᠷᠭᠠᠨ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠮᠠᠯᠵᠢᠵᠥ᠂ ᠰᠢᠯᠢᠳᠡᠭ ᠢ ᠨᠢ ᠰᠤᠩᠭᠤᠨ ᠭᠡᠭᠡᠯᠳᠦᠬᠦᠯᠵᠦ᠂  ᠦᠨᠢᠶᠠᠨ ᠤ ᠦᠷᠡᠵᠢᠯᠳᠡ ᠎ ᠶᠢᠨ ᠨᠤᠷᠮ᠎ᠠ ᠶᠢ ᠪᠦᠳᠦᠮᠵᠢᠳᠠᠢ ᠪᠠᠷ ᠲᠡᠭᠡᠭᠰᠢᠯᠡᠬᠦᠯᠵᠦ᠂ 2018 ᠤᠨ ᠪᠤᠯᠬᠤ ᠳᠤ 80%᠎ ᠠᠴᠠ ᠲᠡᠭᠡᠭᠰᠢ᠂ 2020 ᠤᠨ ᠪᠤᠯᠬᠤ ᠳᠤ 90%᠎ ᠠᠴᠠ ᠲᠡᠭᠡᠭᠰᠢ ᠳᠤ ᠬᠦᠷᠭᠡᠨ᠎ᠡ᠃4. ᠤᠷᠤᠨ ᠪᠦᠰᠡ ᠶᠢᠨ ᠪᠠᠶᠢᠷᠢᠯᠠᠭᠤᠯᠤᠯᠳᠠ᠃ ᠵᠡᠬᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠤᠯᠠᠭᠠᠢ ᠬᠠᠮᠢᠶᠠᠷᠤᠯᠳᠠ ᠶᠢᠨ ᠤᠷᠤᠨ᠂ ᠰᠢᠯᠢ ᠶᠢᠨ ᠬᠤᠳᠠ᠂ ᠲᠠᠶᠢᠹᠤᠰᠧ ᠬᠤᠰᠢᠭᠤᠨ ᠳᠤ ᠠᠩᠬᠢᠰ ᠦᠭᠡᠷ ᠢᠶᠠᠷ ᠭᠤᠤᠯ ᠪᠤᠯᠭᠠᠭᠰᠠᠨ᠂ ᠰᠢᠮᠧᠨ᠋ᠲ᠋ᠡᠷ ᠦᠭᠡᠷ ᠢᠶᠠᠷ ᠲᠡᠳ᠋ᠯᠡᠬᠦᠯᠦᠭᠰᠡᠨ ᠦᠷᠡᠵᠢᠬᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ︔ ᠰᠢᠯᠤᠭᠤᠨ ᠬᠦᠭᠡ ᠬᠤᠰᠢᠭᠤ᠂ ᠰᠢᠯᠤᠭᠤᠨ ᠬᠦᠪᠡᠭᠡᠳᠦ ᠴᠠᠭᠠᠨ ᠬᠤᠰᠢᠭᠤ ᠬᠢᠭᠡᠳ ᠲᠤᠯᠤᠨ ᠨᠤᠤᠷ ᠰᠢᠶᠠᠨ᠂ ᠠᠪᠠᠭ᠎ᠠ ᠬᠤᠰᠢᠭᠤ᠂ ᠰᠦᠨᠢᠳ ᠵᠡᠬᠦᠨ ᠬᠤᠰᠢᠭᠤ᠂ ᠰᠦᠨᠢᠳ ᠪᠠᠷᠠᠭᠤᠨ ᠬᠤᠰᠢᠭᠤ᠂ ᠬᠦᠪᠡᠭᠡᠳᠦ ᠰᠢᠷ᠎ᠠ ᠬᠤᠰᠢᠭᠤᠨ ᠳᠤ ᠰᠢᠮᠧᠨ᠋ᠲ᠋ᠡᠷ ᠦᠭᠡᠷ ᠢᠶᠠᠷ ᠭᠤᠤᠯ ᠪᠤᠯᠭᠠᠭᠰᠠᠨ ᠠᠩᠬᠢᠰ ᠦᠭᠡᠷ ᠢᠶᠠᠷ ᠲᠡᠳ᠋ᠯᠡᠬᠦᠯᠦᠭᠰᠡᠨ ᠦᠷᠡᠵᠢᠬᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠬᠢᠭᠡᠳ ᠮᠠᠯ ᠪᠡᠯᠴᠢᠭᠡᠷ ᠎ ᠤᠨ ᠲᠡᠩᠴᠡᠬᠦᠷᠢ ᠶᠢᠨ ᠲᠦᠷᠢᠮ ᠢ ᠴᠢᠩᠭ᠎ᠠ ᠬᠡᠷᠡᠭᠵᠢᠬᠦᠯᠦᠨ᠂ ᠮᠠᠯ ᠠᠵᠦ ᠠᠬᠤᠢ ᠶᠢᠨ ᠬᠠᠩᠭᠠᠯᠭ᠎ᠠ  ᠎ ᠶᠢᠨ ᠲᠠᠯ᠎ᠠ ᠎ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ︽ᠬᠤᠨᠢ ᠪᠠᠨ  ᠴᠦᠭᠡᠴᠢᠯᠡᠵᠦ ᠦᠭᠡᠷ  ᠢᠯᠠᠬᠦᠤ ᠮᠠᠯᠵᠢᠬᠤ︾᠎ ᠶᠢ ᠢᠳᠡᠪᠬᠢᠳᠠᠢ ᠪᠠᠷ ᠠᠬᠢᠭᠤᠯᠵᠦ᠂ ᠲᠤᠭᠳᠠᠭᠤᠨ ᠢᠶᠠᠷ ᠬᠤᠪᠢᠷᠠᠭᠤᠯᠵᠦ᠂ ᠴᠡᠪᠡᠷᠰᠢᠬᠦᠯᠦᠨ ᠰᠢᠯᠢᠳᠡᠭᠵᠢᠬᠦᠯᠬᠦ ᠶᠢ ᠪᠠᠷᠢᠮᠳᠠᠯᠠᠵᠦ᠂ ᠠᠭᠠᠵᠢᠮ ᠢᠶᠠᠷ ᠪᠤᠭ ᠮᠠᠯ ᠤᠨ ᠤᠨ ᠤ ᠲᠤᠭᠠᠯᠠᠯᠭ᠎ᠠ ᠶᠢ 500 ᠲᠦᠮᠡ ᠶᠢᠨ ᠲᠤᠳᠤᠷ᠎ᠠ ᠬᠢᠵᠠᠭᠠᠷᠯᠠᠨ᠂ ᠦᠵᠦᠮᠦᠴᠢᠨ ᠬᠤᠨᠢ᠂ ᠰᠦᠨᠢᠳ ᠬᠤᠨᠢ᠂ ᠴᠠᠬᠠᠷ ᠬᠤᠨᠢ ᠵᠡᠷᠭᠡ ᠤᠷᠤᠨ ᠨᠤᠳᠤᠭ ᠤᠨ ᠰᠢᠯᠢᠳᠡᠭ ᠡᠬᠦᠯᠳᠡᠷ ᠢ ᠭᠤᠤᠯᠳᠠᠯᠭ᠎ᠠ ᠲᠠᠢ ᠬᠠᠮᠠᠭᠠᠯᠠᠨ᠂ ᠴᠢᠨᠠᠷ ᠢᠶᠠᠷ ᠪᠠᠷᠤᠬᠳᠠᠢ ᠡᠬᠦᠯᠳᠡᠷ ᠢ ᠰᠢᠭᠰᠢᠵᠦ ᠭᠠᠷᠭᠠᠵᠤ᠂ ᠮᠠᠯ ᠰᠦᠷᠦᠭ ᠤᠨ ᠪᠦᠳᠦᠴᠡ ᠶᠢ ᠰᠢᠯᠢᠳᠡᠭᠵᠢᠬᠦᠯᠦᠨ᠂ ᠮᠠᠯᠴᠢᠨ ᠲᠠᠷᠢᠶᠠᠴᠢᠨ ᠢ ᠵᠢᠯᠤᠭᠤᠳᠤᠨ᠂ ᠰᠢᠨᠵᠢᠯᠡᠬᠦ ᠤᠬᠠᠭᠠᠨᠴᠢ ᠪᠠᠷ ᠮᠠᠯᠵᠢᠵᠦ᠂ ᠪᠡᠯᠴᠢᠭᠡᠷᠯᠡᠬᠦᠯᠬᠦ ᠶᠢ ᠵᠤᠭᠰᠤᠭᠠᠬᠤ᠂ ᠰᠡᠯᠬᠦᠨ ᠮᠠᠯᠵᠢᠬᠤ᠂ ᠪᠡᠯᠴᠢᠭᠡᠷ ᠰᠡᠷᠬᠦᠭᠡᠬᠦ ᠲᠦᠷᠢᠮ ᠢ ᠨᠠᠶᠢᠳᠠᠪᠤᠷᠢᠵᠢᠭᠤᠯᠤᠨ᠂ ᠬᠠᠳᠤᠯᠠᠩ ᠪᠡᠯᠴᠢᠭᠡᠷ ᠤᠨ ᠬᠠᠮᠠᠭᠠᠯᠠᠯᠳᠠ ᠬᠢᠭᠡᠳ ᠵᠤᠬᠢᠰᠳᠠᠢ ᠠᠰᠢᠭᠯᠠᠯᠳᠠ ᠶᠢ ᠴᠢᠩᠭᠠᠳᠬᠠᠨ᠎ᠠ᠃ ᠲᠦᠷᠪᠡ᠂ ᠰᠢᠯᠢᠳᠡᠭ ᠡᠬᠦᠯᠳᠡᠷ ᠤᠨ ᠦᠭᠡᠷ ᠮᠠᠯᠵᠢᠬᠤ ᠠᠵᠦ ᠦᠢᠯᠡᠰ ᠤᠨ ᠬᠦᠭᠵᠢᠯᠳᠡ ᠶᠢᠨ ᠭᠤᠤᠯ ᠡᠬᠦᠷᠭᠡ ︵ᠨᠢᠭᠡ︶ ᠬᠡᠪᠴᠢᠶᠡᠵᠢᠭᠰᠡᠨ ᠪᠠᠷᠢᠮᠵᠢᠶᠠᠵᠢᠭᠰᠠᠨ ᠮᠠᠯᠵᠢᠬᠤ ᠲᠠᠷᠢᠬᠤ ᠡᠳ᠋ᠰᠢᠬᠦᠯᠵᠦ ᠪᠤᠯᠪᠠᠰᠤᠷᠠᠭᠤᠯᠬᠤ ᠶᠢ ᠲᠦᠷᠭᠡᠳᠬᠡᠨ ᠬᠦᠭᠵᠢᠬᠦᠯᠦᠨ᠎ᠡ ᠮᠠᠯ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠤᠳᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠳᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠳᠠᠢ ᠲᠦᠯᠦᠪᠵᠢᠬᠦᠯᠦᠨ ᠠᠷᠭ᠎ᠠ ᠰᠦᠪᠡᠭᠴᠢᠯᠡᠨ᠂ ᠡᠬᠦᠯᠳᠡᠷ ᠪᠤᠶᠢᠵᠢᠭᠤᠯᠬᠤ᠂ ᠦᠰᠭᠡᠨ ᠦᠷᠡᠵᠢᠬᠦᠯᠬᠦ᠂ ᠪᠤᠷᠳᠤᠨ ᠲᠠᠷᠭᠤᠯᠠᠭᠤᠯᠬᠤ᠂ ᠡᠳ᠋ᠰᠢᠬᠦᠯᠵᠦ ᠪᠤᠯᠪᠠᠰᠤᠷᠠᠭᠤᠯᠬᠤ᠂ ᠪᠤᠷᠤᠯᠠᠭᠤᠯᠬᠤ ᠡᠯ᠎ᠡ  ᠭᠤᠭᠴᠤᠭᠠᠨ ᠳᠤ ᠪᠠᠷᠢᠮᠵᠢᠶᠠᠵᠢᠭᠰᠡᠨ ᠦᠢᠯᠡᠳᠪᠤᠷᠢᠯᠡᠯ ᠢ ᠴᠢᠩᠭ᠎ᠠ ᠬᠡᠷᠡᠭᠵᠢᠬᠦᠯᠦᠨ᠎ᠡ᠃ ︽ᠠᠮᠤ ᠪᠤᠳᠠᠭᠠᠨ ᠤ ᠲᠠᠷᠢᠮᠠᠯ ᠢ ᠪᠤᠷᠳᠤᠭᠠᠨ ᠲᠠᠷᠢᠮᠠᠯ ᠪᠤᠯᠭᠠᠬᠤ︾᠎ ᠶᠢ ᠢᠳᠡᠪᠬᠢᠳᠠᠢ ᠪᠠᠷ ᠠᠬᠢᠭᠤᠯᠵᠦ᠂ ᠰᠢᠯᠢᠳᠡᠭ ᠴᠢᠨᠠᠷ ᠤᠨ ᠲᠡᠵᠢᠭᠡᠯ ᠡᠪᠡᠰᠦᠨ ᠤ ᠲᠠᠷᠢᠮᠠᠯ ᠤᠨ ᠲᠠᠯᠠᠪᠡᠢ ᠪᠠᠨ ᠦᠷᠭᠡᠳᠬᠡᠨ᠂ ᠤᠷᠭᠠᠨᠢᠭ ᠪᠤᠬᠢᠷᠳᠤᠯ ᠦᠭᠡᠢ ᠲᠡᠵᠢᠭᠡᠯ ᠡᠪᠡᠰᠦ ᠪᠤᠷᠳᠤᠭ᠎ᠠ ᠪᠤᠯᠪᠠᠰᠤᠷᠠᠭᠤᠯᠬᠤ ᠦᠢᠯᠡᠰ ᠬᠢᠭᠡᠳ ᠬᠡᠪᠴᠢᠶᠡᠵᠢᠭᠰᠡᠨ᠂ ᠲᠤᠰᠬᠠᠶᠢᠵᠢᠭᠰᠠᠨ᠂ ᠨᠡᠶᠢᠭᠡᠮᠴᠢᠯᠡᠭᠰᠡᠨ ᠨᠤᠭᠤᠭᠠᠨ ᠲᠠᠷᠤᠰᠢ ᠶᠢᠨ ᠬᠠᠩᠭᠠᠯᠭ᠎ᠠ ᠶᠢᠨ ᠪᠠᠳᠤᠯᠠᠭ᠎ᠠ ᠶᠢᠨ ᠰᠢᠰᠲ᠋ᠧᠮ ᠢ ᠵᠤᠷᠢᠭᠵᠢᠭᠤᠯᠤᠨ ᠬᠦᠭᠵᠢᠬᠦᠯᠦᠨ᠎ᠡ᠃ ᠳ᠋ᠠ ᠵᠤᠸᠠᠩ ᠶᠤᠸᠠᠨ᠂ ᠬᠤᠤ ᠶᠤᠸᠠᠢ᠂ ᠲᠠᠶᠢᠸᠠᠨ ᠤ ᠶᠤᠸᠠᠨ ᠱᠧᠩ᠂ ᠪᠠᠷᠠᠭᠤᠨ ᠦᠵᠦᠮᠦᠴᠢᠨ ᠬᠤᠰᠢᠭᠤᠨ ᠤ ᠴᠢᠶᠠᠨ ᠹᠧᠩ ᠮᠠᠯᠵᠢᠯ ᠤᠨ ᠲᠠᠯᠠᠪᠠᠢ᠂ ᠤᠯᠠᠭᠠᠢ ᠬᠠᠮᠢᠶᠠᠷᠤᠯᠳᠠ ᠶᠢᠨ ᠤᠷᠤᠨ ᠤ ᠭᠡᠰᠡᠭᠡᠨᠭᠤᠯᠠ ᠪᠤᠬᠢᠷᠲᠤᠯ ᠦᠭᠡᠢ ᠠᠵᠦ ᠦᠢᠯᠡᠰ ᠤᠨ ᠭᠠᠳᠠᠭᠠᠳᠦ ᠠᠴᠠ ᠤᠷᠤᠭᠤᠯᠬᠤ ᠬᠢᠵᠠᠭᠠᠷᠳᠦ ᠬᠠᠷᠢᠭᠤᠴᠠᠯᠭᠠᠳᠦ ᠺᠤᠮᠫᠠᠨᠢ ᠵᠡᠷᠭᠡ ᠰᠢᠨᠵᠢᠯᠡᠬᠦ ᠮᠡᠷᠭᠡᠵᠢᠯ ᠤᠨ ᠰᠢᠨ᠎ᠡ ᠡᠬᠦᠳᠦᠯᠳᠡ ᠬᠢᠭᠡᠳ ᠵᠠᠬ᠎ᠠ ᠲᠡᠯᠭᠡᠬᠦᠷ ᠤᠨ ᠲᠠᠭᠠᠭᠤᠯᠤᠭᠴᠢ ᠬᠦᠴᠦᠨ ᠢᠶᠠᠷ ᠴᠢᠩᠭ᠎ᠠ᠂ ᠪᠠᠷᠢᠮᠵᠢᠶᠠᠵᠢᠭᠰᠡ ᠲᠤᠯᠤᠭᠠᠶᠢᠯᠠᠭᠴᠢ ᠠᠵᠦ ᠠᠬᠤᠶᠢᠯᠠᠯ ᠢ ᠭᠤᠤᠯᠳᠠᠯᠭ᠎ᠠ ᠲᠠᠢ ᠲᠡᠮᠵᠢᠨ᠎ᠡ᠃1. ᠭᠡᠷ ᠪᠦᠯᠢ ᠶᠢᠨ ᠮᠠᠯᠵᠢᠯ ᠤᠨ ᠲᠠᠯᠠᠪᠠᠢ ︵ ᠮᠠᠯᠵᠢᠯ ᠤᠨ ᠲᠤᠰᠬᠠᠢ ᠡᠷᠦᠭᠡ︶᠂ ᠮᠠᠯᠴᠢᠨ ᠲᠠᠷᠢᠶᠠᠴᠢᠨ ᠤ ᠬᠤᠷᠰᠢᠶᠠᠵᠢᠯ ︵ᠬᠤᠯᠪᠤᠭᠠᠯᠠᠨ ᠡᠵᠡᠩᠨᠡᠭᠰᠡᠨ ᠡᠷᠦᠭᠡ︶᠂ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢ ᠮᠠᠭᠠᠳᠯᠠᠨ ᠲᠤᠭᠳᠠᠭᠠᠬᠤ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠎ᠠ᠃ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠮᠠᠰᠢᠨ ᠮᠧᠬᠠᠨᠢᠭ ᠢ ᠢᠵᠢ ᠪᠥᠷᠢᠲᠥᠬᠦᠯᠬᠦ᠂ ᠦᠭᠡᠷ ᠤᠨ ᠡᠬᠦᠯᠳᠡᠷ᠂ ᠮᠠᠯᠵᠢᠯ ᠤᠨ  ᠬᠡᠪᠴᠢᠶ᠎ᠡ᠂ ᠠᠷᠠᠴᠢᠯᠠᠭ᠎ᠠ  ᠮᠠᠯᠵᠢᠯᠯᠠᠭ᠎ᠠ᠂ ᠲᠡᠵᠢᠭᠡᠯ ᠪᠤᠷᠳᠤᠭ᠎ᠠ ᠬᠡᠷᠡᠭᠯᠡᠬᠦ᠂ ᠬᠢᠵᠢᠭ ᠭᠡᠮ ᠢ ᠰᠡᠷᠭᠡᠶᠢᠯᠡᠬᠦ ᠪᠠ ᠠᠷᠢᠭᠤᠳᠬᠠᠬᠤ᠂ ᠤᠨᠤᠰᠢᠯᠠᠨ ᠡᠮᠨᠡᠬᠦ᠂ ᠲᠠᠩᠰᠠᠯᠠᠨ ᠲᠡᠮᠳᠡᠭᠯᠡᠬᠦ᠂ ᠪᠦᠬᠦ ᠶᠠᠪᠤᠴᠠ ᠶᠢ ᠮᠦᠷᠳᠡᠬᠦ ᠵᠡᠷᠭᠡ ᠡᠯ᠎ᠡ ᠭᠤᠭᠴᠤᠭᠠᠨ ᠳᠤ ᠰᠢᠨᠵᠢᠯᠡᠬᠦ ᠤᠬᠠᠭᠠᠨᠴᠢ ᠪᠠᠷ ᠲᠦᠷᠢᠮ ᠬᠢᠭᠡᠳ ᠪᠠᠷᠢᠮᠵᠢᠶ᠎ᠠ ᠲᠤᠭᠳᠠᠭᠠᠨ ᠲᠦᠷᠢᠮᠵᠢᠬᠦᠯᠦᠨ ᠪᠠᠶᠢᠭᠤᠯᠤᠨ᠎ᠠ᠃ ᠪᠠᠷᠢᠮᠵᠢᠶᠠᠨ ᠳᠤ ᠬᠦᠷᠦᠭᠰᠡᠨ 2000᠎ ᠠᠴᠠ ᠲᠡᠭᠡᠭᠰᠢ ᠦᠭᠡᠷ ᠮᠠᠯᠵᠢᠬᠤ   ᠬᠡᠪᠴᠢᠶᠠᠵᠢᠭ᠍ᠰᠡᠨ  ᠮᠠᠯᠵᠢᠯ ᠤᠨ ᠲᠠᠯᠠᠪᠠᠢ᠂ 300᠎ ᠠᠴᠠ ᠲᠡᠭᠡᠭᠰᠢ  ᠦᠬᠡᠷ ᠮᠠᠯᠵᠢᠬᠤ ᠮᠠᠯᠴᠢᠨ ᠲᠠᠷᠢᠶᠠᠴᠢᠨ ᠤ ᠬᠤᠷᠰᠢᠶᠠᠵᠢᠯ ︵ᠬᠤᠯᠪᠤᠭᠠᠯᠠᠨ ᠡᠵᠡᠩᠨᠡᠬᠦ ᠡᠷᠦᠭᠡ︶᠂ 50᠎ ᠠᠴᠠ ᠲᠡᠭᠡᠭᠰᠢ  ᠦᠬᠡᠷ ᠮᠠᠯᠵᠢᠬᠤ ᠤᠳᠤ ᠦᠶ᠎ᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ︵ᠮᠠᠯᠵᠢᠯ ᠤᠨ ᠲᠤᠰᠬᠠᠢ ᠡᠷᠦᠭᠡ︶᠎ ᠳᠤ ᠲᠦᠷᠦ ᠶᠢᠨ ᠪᠤᠳᠤᠯᠭ᠎ᠠ ᠶᠢᠨ ᠲᠡᠮᠵᠢᠯᠭᠡ ᠦᠵᠡᠬᠦᠯᠦᠨ᠎ᠡ᠃ ᠲᠤᠭᠳᠠᠭᠰᠠᠨ ᠪᠠᠷᠢᠮᠵᠢᠶ᠎ᠠ ᠳᠤ ᠬᠦᠷᠬᠦ ᠦᠭᠡᠢ  ᠮᠠᠯᠵᠢᠯ ᠤᠨ ᠬᠤᠪᠢ ᠡᠷᠦᠭᠡ᠂ ᠮᠠᠯᠴᠢᠨ ᠲᠠᠷᠢᠶᠠᠴᠢᠨ ᠤ ᠬᠤᠷᠰᠢᠶᠠᠵᠢᠯ᠂ ᠮᠠᠯᠵᠢᠯ ᠤᠨ ᠲᠠᠯᠠᠪᠠᠢ  ᠎ ᠨᠢ ᠬᠤᠯᠪᠤᠭᠠᠯᠠᠨ ᠡᠵᠡᠩᠨᠡᠬᠦ᠂ ᠨᠠᠶᠢᠳᠠᠨ ᠬᠠᠮᠢᠶᠠᠷᠬᠤ ᠪᠤᠶᠤ ᠬᠤᠪᠢ ᠤᠷᠤᠭᠤᠯᠬᠤ ᠨᠦᠬᠦᠴᠡᠯ ᠳᠤ ᠲᠤᠬᠢᠷᠠᠯᠴᠠᠭᠰᠠᠨ ᠬᠤᠷᠰᠢᠶᠠᠵᠢᠯ ᠬᠢᠭᠡᠳ ᠮᠠᠯᠵᠢᠯ ᠤᠨ ᠲᠠᠯᠠᠪᠠᠢ ᠶᠢᠨ ᠬᠡᠯᠪᠡᠷᠢ ᠎ ᠪᠠᠷ᠂ ᠲᠦᠷᠦ ᠶᠢᠨ ᠪᠤᠳᠤᠯᠭ᠎ᠠ ᠶᠢᠨ ᠲᠡᠮᠵᠢᠯᠭᠡ ᠬᠢᠭᠡᠳ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠮᠠᠯᠵᠢᠯ ᠤᠨ ᠦᠷ᠎ᠡ ᠠᠰᠢᠭ ᠢ ᠬᠠᠮᠳᠤᠪᠠᠷ ᠡᠳ᠋ᠯᠡᠬᠦ ᠶᠢ ᠵᠤᠷᠢᠬᠵᠢᠭᠤᠯᠵᠥ᠂  ᠮᠠᠯᠵᠢᠬᠤ ᠲᠠᠷᠢᠶᠠᠯᠠᠬᠤ ᠡᠷᠥᠭᠡ ᠶᠢ ᠲᠠᠶᠢᠴᠢᠯᠠᠨ᠂ ᠬᠤᠷᠰᠢᠨ ᠡᠵᠡᠩᠨᠡᠬᠦ᠂ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠵᠥ᠂ ᠲᠤᠮᠳᠠ ᠵᠡᠷᠭᠡ ᠶᠢᠨ ᠤᠷᠤᠯᠭ᠎ᠠ ᠲᠠᠢ ᠡᠷᠦᠭᠡ ᠶᠢ ᠲᠠᠰᠤᠷᠠᠯᠳᠠ ᠦᠭᠡᠢ ᠦᠷᠭᠡᠳᠬᠡᠨ᠂ ᠠᠵᠢᠯᠴᠢ ᠬᠥᠲᠡᠯᠮᠥᠷᠢ ᠪᠠᠷ ᠴᠢᠨᠡᠭᠡᠯᠢᠭᠵᠢᠬᠦ ᠬᠠᠷᠠᠯᠳᠠ ᠶᠢ ᠪᠡᠶᠡᠯᠡᠬᠦᠯᠦᠨ᠎ᠡ᠃ ᠬᠡᠪᠴᠢᠶᠡᠵᠢᠭᠰᠡᠨ᠂ ᠪᠠᠷᠢᠮᠵᠢᠶᠠᠵᠢᠭᠰᠡᠨ᠂ ᠰᠢᠨᠵᠢᠯᠡᠬᠦ ᠮᠡᠷᠭᠡᠵᠢᠯ ᠤᠨ ᠠᠭᠤᠯᠤᠭᠳᠠᠴᠠ ᠪᠠᠷ ᠦᠨᠳᠦᠷ ᠰᠢᠯᠢᠳᠡᠭ ᠡᠬᠦᠯᠳᠡᠷ ᠤᠨ ᠦᠭᠡᠷ ᠢ ᠬᠠᠰᠢᠶᠠᠯᠠᠨ ᠲᠡᠵᠢᠭᠡᠵᠥ ᠪᠤᠷᠳᠤᠨ ᠲᠠᠷᠭᠤᠯᠠᠭᠤᠯᠬᠤ ᠶᠢ  ᠪᠦᠬᠦ ᠬᠦᠴᠤ ᠪᠠᠷ ᠢᠶᠠᠨ ᠠᠬᠢᠭᠤᠯᠵᠦ᠂ ᠵᠠᠷᠤᠴᠠᠭᠤᠯᠬᠤ ᠦᠭᠡᠷ ᠢ ᠪᠤᠷᠳᠤᠨ ᠲᠠᠷᠭᠤᠯᠠᠭᠤᠯᠬᠤ ᠥᠭᠡᠢ ᠪᠤᠯ ᠵᠠᠷᠤᠴᠠᠭᠤᠯᠬᠤ ᠦᠭᠡᠢ᠂ ᠪᠠᠷᠢᠮᠵᠢᠶ᠎ᠡ ᠎ ᠳᠤ ᠬᠦᠷᠬᠦ ᠦᠭᠡᠢ ᠪᠤᠯ ᠡᠳ᠋ᠰᠢᠬᠦᠯᠵᠦ ᠪᠤᠯᠪᠠᠰᠤᠷᠠᠭᠤᠯᠬᠤ ᠦᠭᠡᠢ᠂ ᠡᠳ᠋ᠰᠢᠬᠦᠯᠵᠦ ᠪᠤᠯᠪᠠᠰᠤᠷᠠᠭᠤᠯᠬᠤ ᠦᠭᠡᠢ ᠪᠤᠯ ᠠᠶᠢᠮᠠᠭ ᠠᠴᠠ ᠪᠠᠨ ᠭᠠᠷᠭᠠᠬᠤ ᠦᠭᠡᠢ ᠪᠠᠶᠢᠯᠭᠠᠵᠦ᠂ ᠡᠳ᠋ᠰᠢᠬᠦᠯᠵᠦ ᠪᠤᠯᠪᠠᠰᠤᠷᠠᠭᠤᠯᠪᠠᠯ ᠡᠷᠬᠡᠪᠰᠢ ᠨᠠᠷᠢᠯᠢᠭ ᠪᠤᠯᠪᠠᠰᠤᠷᠠᠭᠤᠯᠤᠨ᠂ ᠬᠠᠮᠤᠭ ᠡᠴᠦᠰ  ᠎ ᠲᠡᠭᠡᠨ ᠲᠡᠩᠴᠡᠬᠦᠷᠢᠰᠢᠬᠦᠯᠦᠨ ᠵᠠᠷᠤᠴᠠᠭᠤᠯᠬᠤ᠂ ᠨᠠᠷᠢᠯᠢᠭ ᠪᠤᠯᠪᠠᠰᠤᠷᠠᠭᠤᠯᠬᠤ᠂  ᠲᠡᠭᠡᠳᠦ ᠲᠡᠰ ᠤᠨ ᠨᠡᠷᠡᠳᠦ ᠲᠡᠮᠳᠡᠭ ᠡᠬᠦᠳᠴᠦ᠂ ᠶᠠᠰᠤ ᠴᠢᠨᠠᠷ ᠬᠢᠭᠡᠳ ᠦᠷ᠎ᠡ ᠠᠰᠢᠭ ᠢ ᠨᠢ  ᠮᠡᠲᠡᠭᠲᠠᠮ᠎ᠠ ᠲᠡᠭᠡᠭᠰᠢᠯᠡᠬᠦᠯᠦᠨ᠎ᠡ᠃ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠮᠠᠰᠢᠨ ᠮᠧᠬᠠᠨᠢᠭ  ᠎ ᠢ  ᠢᠵᠢ ᠪᠥᠷᠢᠲᠥᠬᠦᠯᠬᠦ᠂ ᠲᠡᠵᠢᠭᠡᠯ ᠪᠤᠷᠳᠤᠭ᠎ᠠ ᠶᠢ ᠲᠤᠬᠢᠷᠠᠭᠤᠯᠬᠤ᠂ ᠠᠷᠠᠴᠢᠯᠠᠭ᠎ᠠ ᠮᠠᠯᠵᠢᠯᠯᠠᠭ᠎ᠠ᠂ ᠮᠠᠯ ᠤᠨ ᠡᠮ ᠬᠢᠭᠡᠳ ᠨᠡᠮᠡᠯᠳᠡ ᠡᠳ᠋᠂ ᠵᠠᠷᠤᠴᠠᠭᠤᠯᠬᠤ ᠦᠶ᠎ᠡ ᠶᠢᠨ ᠬᠦᠨᠳᠦ ᠶᠢᠨ ᠬᠡᠮᠵᠢᠶ᠎ᠡ ᠵᠡᠷᠭᠡ ᠲᠠᠯ᠎ᠠ ᠪᠠᠷ ᠪᠠᠷᠢᠮᠵᠢᠶ᠎ᠡ  ᠲᠤᠭᠲᠠᠭᠠᠵᠥ᠂ ᠮᠡᠷᠭᠡᠵᠢᠯ ᠤᠨ ᠲᠦᠷᠢᠮ ᠭᠠᠷᠭᠠᠨ᠎ᠠ᠃ TMR ︵ᠬᠤᠯᠢᠮᠠᠭ ᠪᠤᠷᠳᠤᠭ᠎ᠠ︶ ᠮᠡᠷᠭᠡᠵᠢᠯ ᠢ ᠪᠦᠬᠦ ᠲᠠᠯ᠎ᠠ ᠪᠠᠷ ᠲᠡᠯᠭᠡᠷᠡᠬᠦᠯᠦᠨ᠂ ᠰᠢᠨᠵᠢᠯᠡᠬᠦ ᠤᠬᠠᠭᠠᠨᠴᠢ ᠪᠠᠷ ᠪᠤᠷᠳᠤᠨ ᠲᠠᠷᠭᠤᠯᠠᠭᠤᠯᠵᠦ᠂ ᠲᠡᠵᠢᠭᠡᠯ ᠳᠤ ᠬᠡᠷᠡᠭᠰᠡᠬᠦ ᠦᠪᠡᠷ ᠤᠨ ᠦᠷᠳᠡᠭ ᠢ ᠪᠠᠭᠤᠷᠠᠭᠤᠯᠤᠨ᠎ᠠ᠃ 2020 ᠤᠨ ᠪᠤᠯᠳᠠᠯ᠎ᠠ ᠵᠢᠯ ᠳᠤ 1 ᠲᠦᠮᠡᠨ ᠦᠭᠡᠷ ᠪᠤᠷᠳᠤᠨ ᠲᠠᠷᠭᠤᠯᠠᠭᠤᠯᠵᠦ ᠵᠠᠷᠤᠴᠠᠭᠤᠯᠬᠤ ᠬᠡᠪᠴᠢᠶᠡᠵᠢᠯ ᠲᠠᠢ ᠲᠠᠯᠠᠪᠠᠢ 10᠎ ᠠᠴᠠ ᠲᠡᠭᠡᠭᠰᠢ ᠪᠠᠶᠢᠭᠤᠯᠵᠦ᠂ 1000 ᠦᠭᠡᠷ ᠠᠴᠠ ᠲᠡᠭᠡᠭᠰᠢ   ᠬᠡᠪᠴᠢᠶᠠᠵᠢᠭ᠍ᠰᠡᠨ ᠲᠠᠯᠠᠪᠠᠢ ᠶᠢ 100᠎ ᠶᠢ ᠪᠠᠶᠢᠭᠤᠯᠤᠨ᠂ ᠤᠳᠤ ᠶᠢᠨ ᠪᠠᠶᠢᠭ᠎ᠠ ᠪᠤᠷᠳᠤᠨ ᠲᠠᠷᠭᠤᠯᠠᠭᠤᠯᠬᠤ ᠲᠠᠯᠠᠪᠠᠢ ᠬᠢᠭᠡᠳ ᠭᠡᠰᠡᠭ ᠰᠠᠭᠠᠯᠢ  ᠎ ᠶᠢᠨ ᠦᠨᠢᠶ᠎ᠡ ᠮᠠᠯᠵᠢᠬᠤ ᠲᠤᠭᠤᠷᠢᠭ ᠢ ᠲᠡᠰ ᠲᠡᠪᠰᠢᠬᠦᠯᠦᠨ ᠦᠭᠡᠷᠡᠴᠢᠯᠡᠵᠦ᠂  ᠦᠭᠡᠷ ᠠᠷᠠᠯᠵᠢᠶᠠᠯᠠᠬᠤ ᠵᠠᠬ᠎ᠠ  ᠎ ᠶᠢ 5 ᠪᠠᠶᠢᠭᠤᠯᠤᠨ᠂ ᠵᠢᠯ ᠳᠤ 100 ᠲᠦᠮᠡ ᠠᠴᠠ ᠲᠡᠭᠡᠭᠰᠢ ᠦᠭᠡᠷ ᠢ ᠪᠤᠷᠳᠤᠨ ᠲᠠᠷᠭᠤᠯᠠᠭᠤᠯᠵᠦ ᠡᠳ᠋ᠰᠢᠬᠦᠯᠦᠨ ᠪᠤᠯᠪᠠᠰᠤᠷᠠᠭᠤᠯᠵᠦ᠂ ᠲᠦᠷᠪᠡᠨ ᠤᠯᠠᠷᠢᠯ ᠢᠶᠠᠷ ᠵᠠᠷᠤᠴᠠᠭᠤᠯᠬᠤ  ᠪᠤᠯᠭᠠᠨ᠎ᠠ᠃        2. ᠲᠡᠵᠢᠭᠡᠯ ᠡᠪᠡᠰᠦ ᠪᠤᠷᠳᠤᠭ᠎ᠠ ᠶᠢ ᠬᠡᠪᠴᠢᠶᠡᠵᠢᠬᠦᠯᠦᠨ ᠪᠠᠷᠢᠮᠵᠢᠶᠠᠵᠢᠭᠤᠯᠤᠨ ᠲᠠᠷᠢᠨ᠎ᠠ᠃ ︽ᠮᠠᠯᠵᠢᠬᠤ ᠲᠠᠷᠢᠬᠤ ᠶᠢ ᠤᠶᠠᠯᠳᠤᠭᠤᠯᠤᠨ᠂ ᠮᠠᠯᠵᠢᠬᠤ ᠶᠢᠨ ᠲᠦᠯᠦᠭᠡ ᠲᠠᠷᠢᠵᠦ᠂ ᠲᠠᠷᠢᠬᠤ ᠪᠠᠷ ᠮᠠᠯᠵᠢᠬᠤ ᠶᠢ ᠠᠬᠢᠭᠤᠯᠬᠤ︾ ᠎ ᠶᠢ ᠪᠠᠷᠢᠮᠳᠠᠯᠠᠨ᠂ ᠲᠠᠷᠢᠮᠠᠯ ᠤᠨ ᠪᠦᠳᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠨ᠂ ᠲᠠᠷᠢᠶᠠᠯᠠᠬᠤ ᠤᠷᠤᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ᠤ ︽ᠠᠮᠤ ᠪᠤᠳᠠᠭᠠᠨ ᠤ ᠲᠠᠷᠢᠮᠠᠯ ᠢ ᠪᠤᠷᠳᠤᠭᠠᠨ ᠲᠠᠷᠢᠮᠠᠯ ᠪᠤᠯᠭᠠᠬᠤ︾᠎ ᠶᠢ ᠬᠦᠴᠤᠲᠠᠢ ᠠᠬᠢᠭᠤᠯᠵᠦ᠂ ᠨᠤᠭᠤᠭᠠᠨ ᠲᠠᠷᠤᠰᠢ ᠶᠢᠨ ᠡᠷᠳᠡᠨᠢ ᠰᠢᠰᠢ᠂ ᠨᠠᠷᠢᠮᠦ᠂ ᠶᠤᠤᠮᠠᠢ᠂ ᠠᠷᠪᠠᠢ ᠵᠡᠷᠭᠡ ᠦᠨᠳᠦᠷ ᠤᠨᠠᠯᠳᠠ ᠲᠠᠢ ᠲᠡᠵᠢᠭᠡᠯ ᠡᠪᠡᠰᠦ ᠪᠤᠷᠳᠤᠭᠠᠨ ᠲᠠᠷᠢᠮᠠᠯ ᠵᠢᠴᠢ ᠴᠠᠷᠭᠠᠰᠤ ᠵᠡᠷᠭᠡ ᠤᠯᠠᠨ ᠨᠠᠰᠤᠳᠦ ᠰᠢᠯᠢᠳᠡᠭ  ᠲᠡᠵᠢᠬᠡᠯ ᠡᠪᠡᠰᠦ ᠶᠢᠨ ᠲᠠᠷᠢᠮᠠᠯ ᠢ ᠬᠡᠪᠴᠢᠶᠡᠵᠢᠬᠦᠯᠵᠦ᠂ ᠨᠤᠭᠤᠭᠠᠨ ᠢᠶᠠᠷ ᠲᠠᠷᠤᠰᠢᠭᠤᠯᠬᠤ ᠲᠡᠵᠢᠭᠡᠯ ᠡᠪᠡᠰᠦ ᠲᠠᠷᠢᠬᠤ ᠂ ᠪᠤᠯᠪᠠᠰᠤᠷᠠᠭᠤᠯᠬᠤ᠂ ᠬᠠᠳᠠᠭᠠᠯᠠᠬᠤ᠂ ᠲᠡᠭᠡᠭᠡᠪᠤᠷᠢᠯᠡᠬᠦ᠂ ᠲᠡᠵᠢᠭᠡᠬᠦ ᠮᠡᠷᠭᠡᠵᠢᠯ ᠤᠨ ᠪᠠᠷᠢᠮᠵᠢᠶ᠎ᠠ ᠬᠢᠭᠡᠳ ᠲᠦᠷᠢᠮ ᠢ ᠲᠤᠭᠳᠠᠭᠠᠨ ᠲᠡᠯᠭᠡᠷᠡᠬᠦᠯᠵᠦ᠂  ᠤᠰᠤᠯᠠᠯᠲᠠ ᠪᠠᠷ ᠭᠤᠤᠯ  ᠪᠤᠯᠭᠠᠭᠰᠠᠨ ᠲᠠᠷᠢᠮᠠᠯ ᠪᠡᠯᠴᠢᠭᠡᠷ ᠬᠢᠭᠡᠳ ᠦᠨᠳᠦᠷ  ᠤᠨᠠᠯᠳᠠ ᠲᠠᠢ ᠲᠡᠵᠢᠭᠡᠯ ᠡᠪᠡᠰᠦ ᠪᠤᠷᠳᠤᠭ᠎ᠠ ᠨᠤᠭᠤᠭᠠᠨ ᠢᠶᠠᠷ ᠲᠠᠷᠤᠰᠢᠭᠤᠯᠬᠤ ᠰᠠᠭᠤᠷᠢᠨ ᠭᠠᠵᠠᠷ ᠪᠠᠶᠢᠭᠤᠯᠤᠨ᠎ᠠ᠃ ᠦᠪᠡᠷᠳᠡᠭᠡᠨ ᠲᠠᠷᠢᠵᠦ ᠦᠪᠡᠷᠳᠡᠭᠡᠨ ᠬᠠᠳᠠᠭᠠᠯᠠᠬᠤ᠂ ᠲᠠᠷᠠᠬᠠᠢ ᠪᠤᠳᠠᠷᠬᠠᠢ ᠲᠠᠷᠢᠵᠦ ᠲᠦᠪᠯᠡᠷᠡᠬᠦᠯᠦᠨ ᠲᠠᠷᠤᠰᠢᠭᠤᠯᠬᠤ᠂ ᠲᠦᠪᠯᠡᠷᠡᠬᠦᠯᠦᠨ ᠲᠠᠷᠢᠵᠦ ᠲᠠᠷᠬᠠᠭᠠᠨ ᠲᠠᠷᠤᠰᠢᠭᠤᠯᠬᠤ᠂ ᠨᠤᠭᠤᠭᠠᠨ ᠢᠶᠠᠷ ᠲᠠᠷᠤᠰᠢᠭᠤᠯᠬᠤ ᠲᠤᠰᠬᠠᠢ ᠮᠡᠷᠭᠡᠵᠢᠯ ᠤᠨ ᠮᠡᠳᠡᠯᠭᠡ ᠬᠦᠷᠭᠡᠬᠦ ᠵᠡᠷᠭᠡ ᠬᠡᠯᠪᠡᠷᠢ ᠪᠠᠷ ᠪᠦᠬᠦ ᠠᠶᠢᠮᠠᠭ ᠲᠤ ᠨᠤᠭᠤᠭᠠᠨ ᠢᠶᠠᠷ ᠲᠠᠷᠤᠰᠢᠭᠤᠯᠤᠭᠰᠠᠨ ᠲᠡᠵᠢᠭᠡᠯ ᠡᠪᠡᠰᠦᠨ ᠎ ᠤ ᠪᠠᠳᠤᠯᠠᠭᠠᠨ ᠤ ᠰᠢᠰᠲ᠋ᠧᠮ ᠢ ᠪᠠᠶᠢᠭᠤᠯᠤᠨ ᠪᠦᠷᠬᠦᠬᠦᠯᠦᠨ᠎ᠡ᠃ 2020 ᠤᠨ ᠪᠤᠯᠬᠤ ᠳᠤ  ᠪᠦᠬᠦ ᠠᠶᠢᠮᠠᠭ ᠤᠨ ᠲᠡᠵᠢᠭᠡᠯ ᠡᠪᠡᠰᠦ ᠪᠤᠷᠳᠤᠭᠠᠨ ᠤ ᠲᠠᠷᠢᠮᠠᠯ ᠤᠨ ᠲᠠᠯᠠᠪᠠᠢ ᠶᠢ 210 ᠲᠦᠮᠡᠨ ᠮᠤ᠋ ᠠᠴᠠ ᠲᠡᠭᠡᠭᠰᠢ  ᠎ ᠳᠤ ︵ᠤᠤᠯ ᠤᠨ ᠪᠠᠶᠢᠭᠰᠠᠨ 144 ᠲᠦᠮᠡᠨ ᠮᠤ᠋ ᠲᠡᠭᠡᠷ᠎ᠡ ᠰᠢᠨ᠎ᠡ ᠪᠠᠷ 66 ᠲᠦᠮᠡᠨ ᠮᠤ᠋ ᠨᠡᠮᠡᠨ᠎ᠡ︶ ᠬᠦᠷᠭᠡᠵᠦ᠂ ᠲᠠᠵᠢᠭᠡᠯ ᠡᠪᠡᠰᠦᠨ ᠎ ᠤ ᠶᠠᠷᠦᠩᠭᠡᠢ  ᠤᠨᠠᠯᠲᠠ ᠶᠢ 26 ᠳ᠋ᠦᠩᠰᠢᠭᠤᠷ ᠺᠢᠯᠦᠭᠷᠡᠮ ︵ ᠬᠠᠭᠤᠷᠠᠢ ᠡᠪᠡᠰᠦ ᠪᠠᠷ ᠨᠤᠭᠤᠯᠵᠦ ᠪᠤᠳᠤᠨ᠎ᠠ︶᠎ ᠠᠴᠠ ᠲᠡᠭᠡᠭᠰᠢ  ᠎ ᠳᠤ ᠬᠦᠷᠭᠡᠨ᠎ᠡ᠃ ᠡᠬᠦᠨ ᠳᠤ ᠲᠠᠶᠢᠹᠤᠰᠧ ᠬᠤᠰᠢᠭᠤ᠂ ᠲᠤᠯᠤᠨ ᠨᠤᠤᠷ ᠰᠢᠶᠠᠨ᠂ ᠰᠢᠯᠢ ᠶᠢᠨ ᠬᠤᠳᠠ᠂ ᠰᠢᠯᠤᠭᠤᠨ ᠬᠦᠭᠡ ᠬᠤᠰᠢᠭᠤ᠂ ᠰᠢᠯᠤᠭᠤᠨ ᠬᠦᠪᠡᠭᠡᠳᠦ ᠴᠠᠭᠠᠨ ᠬᠤᠰᠢᠭᠤ ᠵᠡᠷᠭᠡ ᠭᠠᠵᠠᠷ ᠢᠶᠠᠷ 160 ᠲᠦᠮᠡᠨ ᠮᠤ᠋ ᠎ ᠠᠴᠠ ᠲᠡᠭᠡᠭᠰᠢ  ᠎ ᠳᠤ ᠬᠦᠷᠭᠡᠵᠦ᠂ ᠤᠯᠠᠭᠠᠢ ᠬᠠᠮᠢᠶᠠᠷᠤᠯᠳᠠ ᠶᠢᠨ ᠤᠷᠤᠨ ᠳᠤ 20 ᠲᠦᠮᠡᠨ ᠮᠤ᠋ ᠳᠤ ᠬᠦᠷᠭᠡᠨ᠎ᠡ᠃ ᠡᠯ᠎ᠡ ᠬᠤᠰᠢᠭᠤ ᠰᠢᠶᠠᠨ ᠪᠤᠳᠠᠳᠦ ᠪᠠᠶᠢᠳᠠᠯ ᠲᠠᠢ ᠪᠠᠨ ᠤᠶᠠᠯᠳᠤᠭᠤᠯᠤᠨ᠂ ︽ᠠᠮᠤ ᠪᠤᠳᠠᠭᠠᠨ ᠤ ᠲᠠᠷᠢᠮᠠᠯ ᠢᠶᠠᠨ ᠪᠤᠷᠳᠤᠭᠠᠨ ᠲᠠᠷᠢᠮᠠᠯ ᠪᠤᠯᠭᠠᠬᠤ︾ ᠬᠡᠷᠡᠭᠵᠢᠬᠦᠯᠬᠦ ᠲᠦᠰᠦᠯ  ᠪᠤᠯᠤᠨ ᠤᠨ ᠤ ᠲᠦᠯᠦᠪᠯᠡᠭᠡ ᠶᠢ ᠲᠤᠭᠳᠠᠭᠠᠨ᠎ᠠ᠃ ᠪᠠᠷᠠᠭᠤᠨ ᠪᠠᠶ᠎ᠠ ᠶᠢᠨ ᠭᠠᠵᠠᠷ ᠤᠷᠤᠨ ᠬᠢᠭᠡᠳ ᠬᠤᠶᠠᠷ ᠲᠤᠮᠤ ᠡᠯᠡᠰᠦᠨ ᠭᠠᠵᠠᠷ ᠲᠤ ᠪᠢᠳᠡᠬᠦᠮᠵᠢᠯᠡᠨ ᠲᠠᠷᠢᠬᠤ᠂ ᠨᠢᠰᠭᠡᠯ ᠢᠶᠠᠷ ᠲᠠᠷᠢᠬᠤ ᠵᠡᠷᠭᠡ ᠪᠦᠳᠦᠮᠵᠢᠳᠠᠢ ᠠᠷᠭ᠎ᠠ ᠬᠡᠮᠵᠢᠶ᠎ᠡ ᠠᠪᠴᠦ᠂ ᠡᠯᠡᠰᠦ ᠶᠢ ᠰᠡᠷᠭᠡᠶᠢᠯᠡᠨ ᠵᠠᠰᠠᠵᠦ᠂ ᠡᠯᠡᠰᠦ ᠡᠪᠡᠰᠦᠨ ᠤ ᠦᠢᠯᠡᠰ ᠢ ᠢᠳᠡᠪᠬᠢᠳᠠᠢ ᠪᠠᠷ ᠬᠦᠭᠵᠢᠬᠦᠯᠦᠨ᠎ᠡ᠃ ᠬᠡᠪᠴᠢᠶᠡᠵᠢᠭᠰᠡᠨ ᠪᠠᠷᠢᠮᠵᠢᠶᠠᠵᠢᠭᠰᠡᠨ ᠲᠡᠵᠢᠭᠡᠯ ᠡᠪᠡᠰᠦ ᠪᠤᠷᠳᠤᠭ᠎ᠠ ᠪᠤᠯᠪᠠᠰᠤᠷᠠᠭᠤᠯᠬᠤ ᠦᠢᠯᠡᠰ  ᠎ ᠢ ᠬᠦᠭᠵᠢᠬᠦᠯᠬᠦ ᠶᠢ ᠵᠤᠷᠢᠬᠵᠢᠭᠤᠯᠵᠦ᠂ ᠲᠠᠷᠢᠬᠤ᠂ ᠬᠤᠷᠢᠶᠠᠨ ᠬᠠᠳᠠᠭᠠᠯᠠᠬᠤ᠂ ᠡᠳ᠋ᠰᠢᠬᠦᠯᠵᠦ ᠪᠤᠯᠪᠠᠰᠤᠷᠠᠭᠤᠯᠬᠤ᠂ ᠬᠦᠷᠭᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃      ᠮᠠᠯᠵᠢᠬᠤ ᠤᠷᠤᠨ ᠳᠤ ᠪᠠᠶᠢᠭᠠᠯᠢᠯᠢᠭ ᠬᠠᠳᠤᠯᠠᠩ ᠪᠡᠯᠴᠢᠭᠡᠷ ᠤᠨ ᠬᠠᠮᠠᠭᠠᠯᠠᠯᠳᠠ ᠬᠢᠭᠡᠳ ᠪᠦᠳᠦᠭᠡᠨ ᠪᠠᠶᠢᠭᠤᠯᠤᠯᠳᠠ ᠶᠢ ᠲᠤᠪᠤᠶᠢᠮ᠎ᠠ ᠠᠳᠬᠤᠵᠦ᠂ 1 ᠲᠦᠮᠡᠨ ᠮᠤ᠋ ᠠᠴᠠ ᠲᠡᠭᠡᠭᠰᠢ ᠬᠡᠪᠴᠢᠶ᠎ᠠ ᠲᠠᠢ ᠲᠦᠪᠯᠡᠷᠡᠭᠰᠡᠨ ᠪᠠᠶᠢᠭᠠᠯᠢᠯᠢᠭ ᠬᠠᠳᠤᠯᠠᠩ ᠤᠨ ᠲᠠᠯᠠᠪᠠᠢ ᠭᠠᠷᠭᠠᠵᠦ᠂ ᠲᠡᠵᠢᠭᠡᠯ ᠡᠪᠡᠰᠦᠨ ᠤ ᠺᠤᠮᠫᠠᠨᠢ᠂ ᠬᠤᠷᠰᠢᠶᠠᠵᠢᠯ ᠪᠤᠶᠤ ᠮᠠᠯᠴᠢᠨ ᠲᠠᠷᠢᠶᠠᠴᠢᠨ ᠬᠤᠯᠪᠤᠭᠠᠯᠠᠨ ᠡᠵᠡᠩᠨᠡᠨ᠎ᠡ᠃ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢᠨ ᠬᠠᠮᠢᠶᠠᠷᠤᠯᠳᠠ ᠶᠢᠨ ᠲᠦᠷᠢᠮ ᠎ ᠢ ᠴᠢᠩᠭ᠎ᠠ ᠬᠡᠷᠡᠭᠵᠢᠬᠦᠯᠵᠦ᠂ ᠲᠠᠯᠬᠢᠭᠲᠠᠯ ᠮᠠᠶ᠋ᠢᠭ ᠢᠶᠠᠷ ᠬᠠᠳᠤᠬᠤ ᠶᠢ ᠡᠷᠡᠰ ᠬᠤᠷᠢᠭᠯᠠᠵᠥ᠂ ᠲᠠᠪᠤᠨ ᠵᠢᠯ  ᠎ ᠳᠤ ᠲᠠᠪᠤᠨ ᠲᠤᠭᠤᠷᠢᠭ ᠢᠶᠠᠷ ᠡᠭᠡᠯᠵᠢᠯᠡᠨ ᠬᠠᠳᠤᠵᠦ ︵20%  ᠎ ᠶᠢᠨ ᠡᠪᠡᠰᠦᠨ ᠦᠷ᠎ᠡ ᠲᠡᠯᠡᠷᠡᠵᠦ ᠤᠷᠭᠤᠬᠤ ᠵᠠᠢ ᠦᠯᠡᠳᠡᠭᠡᠨ᠎ᠡ︶᠂ ᠬᠠᠳᠤᠵᠦ ᠬᠤᠷᠢᠶᠠᠬᠤ᠂ ᠪᠤᠭᠤᠵᠢᠯᠠᠬᠤ᠂ ᠨᠦᠭᠡᠴᠡᠯᠡᠬᠦ ᠪᠦᠬᠦ ᠶᠠᠪᠤᠴᠠ ᠶᠢ ᠮᠠᠰᠢᠨᠴᠢᠯᠠᠵᠦ᠂ ᠬᠡᠪᠴᠢᠶᠡᠵᠢᠬᠦᠯᠦᠨ ᠨᠤᠭᠤᠭᠠᠨ ᠢᠶᠠᠷ ᠨᠢ ᠨᠦᠭᠡᠴᠡᠯᠡᠬᠦ ᠶᠢ ᠵᠤᠷᠢᠬᠵᠢᠭᠤᠯᠬᠤ ᠪᠠ ᠬᠦᠳᠦᠯᠦᠨ ᠲᠠᠭᠠᠭᠤᠯᠵᠦ᠂  ᠨᠤᠭᠤᠭᠠᠨ ᠲᠠᠷᠤᠰᠢ ᠶᠢᠨ ᠬᠠᠷᠢᠴᠠᠯ ᠢ ᠪᠦᠬᠦ ᠲᠠᠯ᠎ᠠ ᠪᠠᠷ ᠨᠡᠮᠡᠭᠳᠡᠬᠦᠯᠦᠨ᠎ᠡ᠃ ᠭᠤᠤᠯᠳᠠᠭᠤ ᠵᠡᠬᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠤᠯᠠᠭᠠᠢ ᠬᠠᠮᠢᠶᠠᠷᠤᠯᠳᠠ ᠶᠢᠨ ᠤᠷᠤᠨ᠂ ᠰᠢᠯᠢ ᠶᠢᠨ ᠬᠤᠳᠠ᠂ ᠠᠪᠠᠭ᠎ᠠ ᠬᠤᠰᠢᠭᠤ᠂ ᠰᠢᠯᠤᠭᠤᠨ ᠬᠦᠭᠡ ᠬᠤᠰᠢᠭᠤᠨ ᠳᠤ ᠪᠠᠶᠢᠭᠠᠯᠢᠯᠢᠭ ᠬᠠᠳᠤᠯᠠᠩ ᠤᠨ ᠲᠠᠯᠠᠪᠠᠢ ᠭᠠᠷᠭᠠᠨ᠎ᠠ᠃ 2020 ᠤᠨ  ᠪᠤᠯᠳᠠᠯ᠎ᠠ᠂ ᠪᠠᠶᠢᠭᠠᠯᠢᠯᠢᠭ ᠬᠠᠳᠤᠯᠠᠩ ᠤᠨ  ᠲᠠᠯᠠᠪᠠᠢ ᠤᠤᠯ ᠨᠢ 3945 ᠳᠥᠮᠡᠨ ᠮᠤ᠋ ᠪᠠᠶᠢᠭᠰᠠᠨ ᠢ 5000 ᠳᠥᠮᠡᠨ ᠮᠤ᠋ ᠠᠴᠠ ᠳᠡᠭᠡᠭᠰᠢ ᠪᠤᠯᠭᠠᠵᠤ᠂  ᠵᠢᠯ ᠳᠤ 30 ᠳ᠋ᠥᠩᠰᠢᠭᠤᠷ ᠺᠢᠯᠤᠭ᠍ᠷᠠᠮ  ᠡᠪᠡᠰᠤ ᠬᠠᠳᠤᠨ᠎ᠠ᠃  ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂  ᠠᠶᠢᠮᠠᠭ ᠤᠨ ᠳᠤᠳᠤᠷᠠᠬᠢ ᠪᠠᠶᠢᠭᠠᠯᠢᠯᠢᠭ  ᠬᠠᠳᠤᠯᠠᠩ ᠠᠴᠠ ᠬᠠᠳᠤᠭᠰᠠᠨ‌ᠡᠪᠡᠰᠤ ᠶᠢ ᠠᠶᠢᠮᠠᠭ ᠠᠴᠠ ᠭᠠᠷᠭᠠᠬᠤ ᠥᠭᠡᠢ ᠪᠠᠷ᠂  ᠪᠥᠬᠦᠨ ᠢ ᠤᠳᠤ ᠥᠶ᠎ᠡ ᠶᠢᠨ ᠮᠠᠯ ᠠᠵᠤ ᠠᠬᠤᠢ ᠎ ᠶᠢᠨ ᠬᠥᠭᠵᠢᠯᠳᠡ ᠳᠤ ᠬᠡᠷᠡᠭᠯᠡᠨ᠎ᠡ᠃ ᠬᠡᠪᠴᠢᠶᠡᠵᠢᠭᠰᠡᠨ᠂  ᠪᠠᠷᠢᠮᠵᠢᠶᠠᠵᠢᠭᠰᠠᠨ ᠰᠢᠯᠢᠳᠡᠭ ᠡᠬᠦᠯᠳᠡᠷ ᠤᠨ ᠥᠬᠡᠷ ᠮᠠᠯᠵᠢᠬᠤ ᠠᠵᠤ ᠥᠢᠯᠡᠰ ᠢ ᠬᠥᠭᠵᠢᠬᠦᠯᠬᠦ ᠎ ᠪᠠᠷ ᠳᠡᠮᠵᠢᠨ᠂  ᠵᠡᠷᠬᠡᠯᠡᠳᠡᠭᠡ ᠭᠠᠵᠠᠷ ᠤᠷᠤᠨ ᠤ ᠥᠨᠳᠥᠷ ᠤᠨᠡᠯᠳᠡ ᠲᠠᠢ ᠲᠡᠵᠢᠬᠡᠯ ᠡᠪᠡᠰᠤ ᠪᠤᠷᠳᠤᠭ᠎ᠠ ᠳᠠᠷᠢᠬᠤ  ᠎ ᠶᠢ ᠨᠥᠯᠥᠬᠡᠯᠡᠨ ᠳᠠᠭᠠᠭᠤᠯᠵᠤ᠂  ᠮᠠᠯ ᠠᠵᠤ ᠠᠬᠤᠢ ᠶᠢᠨ ᠭᠠᠳᠠᠭᠰᠢ ᠬᠠᠮᠵᠢᠯᠴᠠᠭᠠᠨ ᠢ ᠴᠢᠩᠭᠠᠳᠬᠠᠵᠤ᠂  ᠭᠠᠳᠠᠭᠠᠳᠤ ᠠᠴᠠ ᠪᠠᠶᠢᠭᠠᠯᠢᠯᠢᠭ ᠲᠡᠵᠢᠬᠡᠯ ᠡᠪᠡᠰᠤ ᠪᠤᠷᠳᠤᠭ᠎ᠠ ᠤᠷᠤᠭᠤᠯᠬᠤ᠂  ᠵᠡᠷᠬᠡᠯᠡᠳᠡᠭᠡ ᠭᠠᠵᠠᠷ ᠤᠷᠤᠨ ᠠᠴᠠ ᠡᠪᠡᠰᠤ ᠪᠤᠷᠳᠤᠭ᠎ᠠ ᠳᠤᠬᠢᠷᠠᠭᠤᠯᠤᠨ ᠤᠷᠤᠭᠤᠯᠵᠤ ᠬᠥᠷᠥᠯᠴᠡᠬᠦ ᠥᠬᠡᠢ ᠪᠠᠨ ᠨᠥᠬᠦᠪᠤᠷᠢᠯᠡᠨ᠂  ᠤᠳᠤ ᠥᠶ᠎ᠡ ᠶᠢᠨ ᠮᠠᠯ ᠠᠵᠤ ᠠᠬᠤᠢ ᠶᠢᠨ ᠬᠥᠭᠵᠢᠯᠳᠡ ᠶᠢᠨ ᠬᠡᠷᠡᠭᠴᠡᠭᠡ ᠶᠢ ᠪᠠᠳᠤᠯᠠᠨ᠎ᠠ᠃          3 .  ᠥᠬᠡᠷ ᠢ ᠬᠡᠪᠴᠢᠶᠡᠵᠢᠬᠦᠯᠥᠨ᠂  ᠪᠠᠷᠢᠮᠵᠢᠶᠠᠵᠢᠭᠤᠯᠤᠨ ᠠᠯᠠᠵᠤ ᠨᠢᠳᠤᠯᠠᠨ᠎ᠠ᠃  ᠵᠢᠯ ᠳᠤ 10  ᠲᠥᠮᠡ ᠠᠴᠠ ᠳᠡᠬᠡᠭᠰᠢ  ᠨᠠᠷᠢᠯᠢᠭ ᠡᠳ᠋ᠰᠢᠬᠦᠯᠥᠨ ᠪᠤᠯᠪᠠᠰᠤᠷᠠᠭᠤᠯᠬᠤ ᠴᠢᠳᠠᠪᠤᠷᠢ ᠲᠠᠢ ᠠᠵᠤ ᠠᠬᠤᠶᠢᠯᠠᠯ ᠢ ᠭᠤᠤᠯᠳᠠᠯᠭ᠎ᠠ ᠲᠠᠢ ᠳᠡᠳᠬᠦᠵᠤ᠂  ᠨᠡᠶᠢᠯᠡᠬᠦᠯᠥᠨ ᠳᠡᠬᠢᠵᠤ ᠪᠠᠶᠢᠭᠤᠯᠬᠤ᠂  ᠬᠤᠪᠢ ᠤᠷᠤᠭᠤᠯᠤᠨ ᠬᠤᠷᠰᠢᠬᠤ ᠵᠡᠷᠬᠡ ᠬᠡᠯᠪᠡᠷᠢ ᠪᠠᠷ᠂  ᠬᠤᠴᠤᠷᠤᠩᠭᠤᠢ ᠥᠢᠯᠡᠳᠪᠤᠷᠢᠯᠡᠯ ᠤᠨ ᠬᠥᠴᠥᠨ ᠢ ᠡᠷᠡᠰ ᠰᠢᠭᠰᠢᠭᠳᠡᠬᠦᠯᠵᠤ᠂  ᠳᠠᠭᠠᠯᠳᠠ ᠠᠵᠤ ᠥᠢᠯᠡᠰ ᠤᠨ ᠬᠤᠷᠰᠢᠬᠤ ᠰᠢᠨ᠎ᠡ ᠬᠡᠯᠪᠡᠷᠢ ᠶᠢᠨ ᠬᠥᠭᠵᠢᠯᠳᠡ ᠶᠢᠨ ᠬᠡᠪ ᠵᠠᠭᠪᠤᠷ ᠢ ᠪᠤᠶᠢᠵᠢᠭᠤᠯᠤᠨ᠎ᠠ᠃  ᠳᠡᠯᠡᠬᠡᠢ ᠨᠡᠶᠢᠳᠡ  ᠎ ᠳᠤ ᠮᠡᠳᠡᠷᠡᠭᠳᠡᠭᠰᠡᠨ  ᠪᠠᠷᠢᠮᠵᠢᠶ᠎ᠠ ᠪᠠᠷ ᠰᠢᠯᠢ ᠶᠢᠨ ᠭᠤᠤᠯ ᠠᠶᠢᠮᠠᠭ ᠤᠨ ᠳᠤᠮᠳᠠ ᠳᠡᠬᠡᠳᠤ ᠳᠡᠰ ᠤᠨ ᠠᠯᠠᠰᠢᠨ ᠥᠬᠡᠷ ᠤᠨ ᠳᠡᠰ ᠬᠤᠪᠢᠶᠠᠬᠤ ᠪᠠᠷᠢᠮᠵᠢᠶ᠎ᠡ ᠶᠢ ᠳᠤᠭᠳᠠᠭᠠᠵᠤ᠂  ᠡᠳ᠋ᠰᠢᠬᠦᠯᠥᠨ ᠪᠤᠷᠤᠯᠠᠭᠤᠯᠬᠤ ᠭᠤᠭᠴᠤᠭᠠᠨ ᠎ ᠳᠤ ᠳᠡᠰ ᠬᠤᠪᠢᠶᠠᠬᠤ ᠪᠠᠷᠢᠮᠵᠢᠶ᠎ᠠ ᠶᠤᠰᠤᠭᠠᠷ ᠱᠠᠳᠤᠯᠢᠭ ᠥᠨ᠎ᠡ ᠬᠠᠩᠰᠢ ᠶᠢ ᠳᠤᠭᠳᠠᠭᠠᠵᠤ᠂  ᠰᠢᠯᠢ ᠶᠢᠨ ᠭᠤᠤᠯ  ᠎ ᠤᠨ ᠳᠤᠮᠳᠠ ᠳᠡᠬᠡᠳᠤ ᠳᠡᠰ ᠤᠨ ᠥᠬᠡᠷ ᠤᠨ ᠮᠢᠬᠠᠨ ᠤ  ᠪᠠᠷᠢᠮᠵᠢᠶᠠᠵᠢᠭᠰᠠᠨ ᠥᠢᠯᠡᠳᠪᠤᠷᠢᠯᠡᠯ ᠤᠨ ᠰᠢᠰᠲ᠋ᠧᠮ ᠢ  ᠪᠠᠶᠢᠭᠤᠯᠤᠨ ᠪᠥᠷᠢᠨᠰᠢᠬᠦᠯᠥᠨ᠎ᠡ᠃ ︵ᠬᠤᠶᠠᠷ︶ ᠰᠠᠭᠤᠷᠢ ᠳᠥᠬᠦᠬᠡᠷᠥᠮᠵᠢ ᠶᠢᠨ ᠪᠥᠲᠥᠬᠡᠨ ᠪᠠᠶᠢᠭᠤᠯᠤᠯᠳᠠ ᠶᠢ ᠴᠢᠩᠭᠠᠳᠬᠠᠨ᠎ᠠ ᠤᠯᠤᠰ ᠤᠨ ᠳᠡᠰ ᠤᠨ ᠰᠢᠯᠢᠳᠡᠭ  ᠡᠬᠦᠯᠳᠡᠷ ᠤᠨ ᠥᠬᠡᠷ ᠢ ᠥᠷᠡᠵᠢᠬᠦᠯᠥᠨ ᠪᠤᠶᠢᠵᠢᠭᠤᠯᠬᠤ ᠵᠢᠱᠢᠶ᠎ᠡ ᠥᠵᠡᠬᠦᠯᠬᠦ ᠰᠠᠭᠤᠷᠢᠨ ᠭᠠᠵᠠᠷ ᠢ ᠪᠠᠶᠢᠭᠤᠯᠬᠤ ᠶᠢᠨ ᠲᠤᠭᠤᠷᠢᠨ ᠳᠤ᠂  ᠤᠯᠤᠰ᠂  ᠥᠪᠡᠷᠳᠡᠬᠡᠨ ᠵᠠᠰᠠᠬᠤ ᠤᠷᠤᠨ ᠠᠴᠠ ᠤᠳᠤ ᠥᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠥᠷᠬᠡᠨ ᠬᠥᠭᠵᠢᠬᠦᠯᠬᠦ ᠶᠢ ᠳᠡᠮᠵᠢᠵᠤ ᠪᠠᠶᠢᠭ᠎ᠠ ᠠᠰᠢᠭᠳᠡᠢ ᠴᠠᠭ ᠳᠤᠬᠢᠶᠠᠯ ᠢ ᠵᠠᠪᠳᠤᠵᠤ᠂  ᠲᠥᠷᠥᠯ ᠵᠥᠢᠯ ᠢ ᠬᠥᠴᠥᠯᠡᠨ ᠤᠯᠬᠤ ᠪᠡ ᠨᠢᠬᠡᠳᠥᠬᠦᠯᠬᠦ ᠡᠷᠴᠢᠮ ᠢᠶᠠᠨ ᠴᠢᠩᠭᠠᠷᠠᠭᠤᠯᠵᠤ᠂  ᠪᠠᠷᠢᠮᠵᠢᠶᠠᠵᠢᠭᠰᠠᠨ ᠫᠧᠩ ᠬᠤᠷᠤᠭ᠎ᠠ᠂  ᠡᠪᠡᠰᠤᠨ ᠰᠠᠷᠠᠪᠴᠢ᠂ ᠮᠠᠰᠢᠨ ᠳᠤᠨᠤᠭ ᠬᠡᠷᠡᠭᠯᠡᠬᠦ ᠳᠤ ᠳᠤᠬᠢᠷᠠᠭᠰᠠᠨ ᠳᠤᠮᠤ ᠬᠡᠯᠪᠡᠷᠢ ᠶᠢᠨ ᠨᠤᠭᠤᠭᠠᠨ ᠳᠠᠷᠤᠰᠢ ᠶᠢᠨ ᠵᠤᠭᠤᠷᠢ ᠵᠡᠷᠬᠡ ᠰᠠᠭᠤᠷᠢ ᠲᠥᠬᠦᠬᠡᠷᠥᠮᠵᠢ ᠶᠢᠨ ᠪᠥᠲᠥᠬᠡᠨ ᠪᠠᠶᠢᠭᠤᠯᠤᠯᠳᠠ ᠶᠢ ᠬᠥᠴᠥᠳᠡᠢ ᠳᠥᠯᠬᠢᠨ ᠠᠬᠢᠭᠤᠯᠤᠨ᠎ᠡ᠂ ᠤᠰᠤ᠂ ᠴᠠᠬᠢᠯᠭᠠᠨ᠂ ᠵᠠᠮ᠂  ᠴᠢᠮᠡᠭᠡ ᠬᠤᠯᠪᠤᠭ᠎ᠠ᠂  ᠴᠠᠭ ᠠᠭᠤᠷ ᠵᠡᠷᠬᠡ ᠪᠠᠭᠳᠠᠨ᠎ᠠ᠃  ᠳᠤᠷᠰᠢᠯᠳᠡ ᠶᠢᠨ ᠴᠢᠭ᠋ ᠤᠨ ᠭᠠᠵᠠᠷ ᠤᠷᠤᠨ ᠨᠢ  ᠰᠢᠯᠢᠳᠡᠭ ᠡᠬᠦᠯᠳᠡᠷ ᠤᠨ ᠥᠬᠡᠷ ᠢ ᠥᠷᠡᠵᠢᠬᠦᠯᠤᠨ  ᠪᠤᠶᠢᠵᠢᠭᠤᠯᠬᠤ ᠪᠡ ᠪᠤᠷᠳᠤᠨ ᠲᠠᠷᠭᠤᠯᠠᠭᠤᠯᠬᠤ ᠰᠠᠭᠤᠷᠢᠨ ᠭᠠᠵᠠᠷ ᠢ ᠳᠥᠯᠥᠪᠵᠢᠬᠦᠯᠥᠨ ᠪᠠᠶᠢᠭᠤᠯᠬᠤ ᠶᠢ ᠭᠤᠤᠯᠳᠠᠯᠭ᠎ᠠ ᠲᠠᠢ ᠰᠠᠶᠢᠳᠤᠷ  ᠠᠳᠬᠤᠵᠤ᠂  ᠰᠢᠯᠢᠳᠡᠭ  ᠡᠬᠦᠯᠳᠡᠷ ᠤᠨ ᠥᠬᠡᠷ ᠢ ᠭᠠᠳᠠᠨ᠎ᠠ ᠠᠴᠠ ᠤᠷᠤᠭᠤᠯᠵᠤ ᠥᠷᠡᠵᠢᠬᠦᠯᠥᠨ ᠪᠤᠶᠢᠵᠢᠭᠤᠯᠬᠤ᠂  ᠪᠤᠷᠳᠤᠨ ᠲᠠᠷᠭᠤᠯᠠᠭᠤᠯᠬᠤ ᠳᠤ ᠬᠡᠷᠡᠭᠴᠡᠭᠡ ᠪᠥᠬᠦᠢ ᠲᠥᠬᠦᠬᠡᠷᠥᠮᠵᠢ ᠵᠢᠨ‌ᠨᠥ᠋ᠬᠦᠴᠡᠯ ᠢ ᠪᠠᠳᠤᠯᠠᠨ᠎ᠠ᠃   ᠠᠷᠭᠠᠯ ᠢ  ᠪᠤᠬᠢᠷᠳᠤᠯ ᠥᠬᠡᠢ ᠰᠢᠢᠳᠪᠤᠷᠢᠯᠡᠬᠦ ᠶᠢ ᠵᠡᠷᠬᠡ ᠳᠤᠨᠢ ᠪᠡᠶᠡᠯᠡᠬᠦᠯᠵᠤ᠂ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠨᠢ  ᠠᠷᠭᠠᠯ ᠢ ᠪᠤᠬᠢᠷᠳᠤᠯ ᠥᠬᠡᠢ ᠰᠢᠢᠳᠪᠤᠷᠢᠯᠡᠬᠦ  ᠪᠡ ᠡᠬᠢ ᠪᠠᠶᠠᠯᠢᠭᠵᠢᠭᠤᠯᠤᠨ ᠠᠰᠢᠭᠯᠠᠬᠤ ᠲᠥᠬᠦᠬᠡᠷᠥᠮᠵᠢ ᠶᠢ ᠢᠵᠢ ᠪᠥᠷᠢᠳᠥᠬᠦᠯᠥᠨ ᠪᠥᠲᠥᠬᠡᠨ ᠪᠠᠶᠢᠭᠤᠯᠵᠤ᠂   ᠠᠷᠭᠠᠯ ᠢ ᠰᠠᠯᠭᠠᠨ ᠴᠡᠪᠡᠷᠯᠡᠬᠦ ᠠᠷᠭ᠎ᠠ ᠶᠢ ᠳᠥᠬᠡᠮᠡᠯᠵᠢᠬᠦᠯᠵᠤ  ᠂  ᠮᠠᠯᠵᠢᠯ ᠤᠨ ᠲᠠᠯᠠᠪᠠᠢ ᠶᠢᠨ  ᠠᠷᠭᠠᠯ  ᠎ ᠢ ᠤᠯᠠᠨ ᠠᠷᠭ᠎ᠠ ᠵᠠᠮ ᠎ ᠢᠶᠠᠷ ᠪᠤᠷᠳᠤᠭᠤᠷ ᠪᠤᠯᠭᠠᠬᠤ᠂  ᠡᠨᠧᠷᠬᠢ ᠪᠤᠯᠭᠠᠬᠤ ᠠᠰᠢᠭᠯᠠᠯᠳᠠ ᠶᠢᠨ ᠬᠡᠪ ᠵᠠᠭᠪᠤᠷ ᠢ ᠨᠡᠬᠡᠬᠡᠨ᠎ᠡ᠃  ᠥᠬᠦᠭᠰᠡᠨ ᠮᠡᠯ ᠎ ᠢ ᠪᠤᠬᠢᠷᠳᠤᠯ ᠥᠬᠡᠢ ᠰᠢᠢᠳᠪᠤᠷᠢᠯᠡᠬᠦ ᠳᠥᠬᠦᠬᠡᠷᠥᠮᠵᠢ ᠶᠢ ᠪᠠᠶᠢᠭᠤᠯᠤᠨ ᠪᠥᠷᠢᠨᠰᠢᠬᠦᠯᠥᠨ᠎ᠡ᠃        PPP ᠵᠡᠷᠬᠡ ᠤᠯᠠᠨ ᠵᠥᠢᠯ ᠤᠨ ᠬᠤᠷᠰᠢᠬᠤ ᠬᠡᠯᠪᠡᠷᠢ ᠪᠠᠷ ᠰᠢᠯᠢᠳᠡᠭ ᠡᠬᠦᠯᠳᠡᠷ ᠤᠨ ᠥᠬᠡᠷ ᠢ ᠥᠷᠡᠵᠢᠬᠦᠯᠥᠨ ᠪᠤᠶᠢᠵᠢᠭᠤᠯᠬᠤ ᠵᠢᠱᠢᠶ᠎ᠡ ᠥᠵᠡᠬᠦᠯᠬᠦ ᠰᠠᠭᠤᠷᠢᠨ ᠭᠠᠵᠠᠷ᠂  ᠨᠠᠷᠢᠯᠢᠭ ᠡᠳ᠋ᠰᠢᠬᠦᠯᠥᠨ  ᠪᠤᠯᠪᠠᠰᠤᠷᠠᠭᠤᠯᠬᠤ ᠵᠢᠱᠢᠶ᠎ᠡ ᠥᠵᠡᠬᠦᠯᠬᠦ ᠰᠠᠭᠤᠷᠢᠨ ᠭᠠᠵᠠᠷ ᠢ ᠪᠥᠲᠥᠬᠡᠨ ᠪᠠᠶᠢᠭᠤᠯᠵᠤ᠂  ᠬᠠᠮᠢᠶ᠎ᠠ ᠪᠥᠬᠦᠢ ᠬᠤᠰᠢᠭᠤ ᠰᠢᠶᠡᠨ ᠬᠤᠳᠠ ︵ᠤᠷᠤᠨ︶᠎ ᠶᠢᠨ ᠵᠠᠰᠠᠭ ᠤᠨ ᠤᠷᠳᠤᠨ ᠨᠢ ᠲᠥᠷᠥᠯ ᠵᠥᠢᠯ ᠤᠨ ᠬᠡᠷᠡᠭᠴᠡᠭᠡ ᠪᠥᠬᠦᠢ ᠨᠤᠳᠤᠭ ᠪᠡᠯᠴᠢᠬᠡᠷ  ᠪᠤᠯᠤᠨ ᠲᠡᠵᠢᠬᠡᠯ ᠡᠪᠡᠰᠤ ᠪᠤᠷᠳᠤᠭᠠᠨ ᠤ ᠰᠠᠭᠤᠷᠢᠨ ᠭᠠᠵᠠᠷ᠂ ᠠᠯᠠᠵᠤ ᠨᠢᠳᠤᠯᠠᠬᠤ ᠥᠢᠯᠡᠳᠪᠤᠷᠢ ᠶᠢᠨ ᠪᠥᠲᠥᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠰᠢᠢᠳᠪᠤᠷᠢᠯᠡᠵᠤ ᠥᠭᠬᠦ ᠶᠢ ᠬᠠᠷᠢᠭᠤᠴᠠᠵᠤ᠂  ᠮᠠᠯᠴᠢᠨ ᠲᠠᠷᠢᠶᠡᠴᠢᠨ ᠨᠤᠳᠤᠭ ᠪᠡᠯᠴᠢᠬᠡᠷ᠂  ᠲᠡᠵᠢᠬᠡᠯ  ᠡᠪᠡᠰᠤ ᠪᠤᠷᠳᠤᠭᠠᠨ ᠤ ᠭᠠᠵᠠᠷ ᠢᠶᠠᠨ ᠬᠤᠪᠢ ᠤᠷᠤᠭᠤᠯᠬᠤ ᠪᠤᠶᠤ ᠤᠷᠳᠤ ᠬᠤᠭᠤᠴᠠᠭ᠎ᠠ ᠪᠠᠷ ᠲᠥᠷᠢᠶᠡᠰᠥᠯᠡᠬᠦᠯᠬᠦ ᠵᠡᠷᠬᠡ ᠬᠡᠯᠪᠡᠷᠢ ᠪᠠᠷ ᠰᠠᠭᠤᠷᠢᠨ ᠭᠠᠵᠠᠷ ᠤᠨ ᠪᠥᠲᠥᠬᠡᠨ ᠪᠠᠶᠢᠭᠤᠯᠤᠯᠳᠠ ᠳᠤ ᠤᠷᠤᠯᠴᠠᠵᠤ ᠪᠤᠯᠤᠨ᠎ᠠ᠃          ︵ᠭᠤᠷᠪᠡ︶ ᠠᠵᠢᠯ ᠲᠥᠷᠥᠯ ᠤᠨ  ᠳᠠᠭᠠᠭᠤᠯᠤᠭᠴᠢ ᠠᠵᠤ ᠠᠬᠤᠶᠢᠯᠠᠯ ᠢ ᠶᠡᠬᠡᠪᠷ ᠳᠠᠳᠠᠨ ᠤᠷᠤᠭᠤᠯᠬᠤ ᠪᠠ ᠪᠤᠶᠢᠵᠢᠭᠤᠯᠤᠨ᠎ᠠ ᠨᠡᠶᠢᠯᠡᠬᠦᠯᠥᠨ ᠳᠡᠬᠢᠵᠤ ᠪᠠᠶᠢᠭᠤᠯᠬᠤ᠂  ᠬᠤᠪᠢ ᠤᠷᠤᠭᠤᠯᠤᠨ ᠬᠤᠷᠰᠢᠬᠤ ᠵᠡᠷᠬᠡ ᠬᠡᠯᠪᠡᠷᠢ ᠪᠠᠷ᠂  ᠤᠳᠤ ᠶᠢᠨ ᠪᠠᠶᠢᠭ᠎ᠠ ᠮᠠᠯ ᠤᠨ ᠠᠰᠢᠭ ᠰᠢᠮ᠎ᠡ  ᠎ ᠶᠢᠨ ᠪᠥᠲᠥᠬᠡᠭᠳᠡᠬᠦᠨ ᠢ ᠡᠳ᠋ᠰᠢᠬᠦᠯᠥᠨ ᠪᠤᠯᠪᠠᠰᠤᠷᠠᠭᠤᠯᠬᠤ ᠠᠵᠤ ᠠᠬᠤᠶᠢᠯᠠᠯ ᠢ ᠨᠢᠬᠡᠳᠥᠬᠦᠯᠵᠤ ᠳᠡᠰ ᠳᠡᠪᠰᠢᠬᠦᠯᠵᠤ᠂  ᠮᠠᠨ ᠤ ᠠᠶᠢᠮᠠᠭ ᠲᠤ ᠪᠠᠶᠢᠭ᠎ᠠ ᠤᠯᠤᠰ ᠤᠨ ᠳᠤᠳᠤᠭᠠᠳᠤ ᠶᠢᠨ ᠳᠤᠯᠤᠭᠠᠶᠢᠯᠠᠭᠴᠢ ᠠᠵᠤ ᠠᠬᠤᠶᠢᠯᠠᠯ ᠢ ᠳᠡᠳᠬᠦᠬᠦ ᠡᠷᠴᠢᠮ ᠢᠶᠠᠨ ᠴᠢᠩᠭᠠᠷᠠᠭᠤᠯᠵᠤ᠂  ᠤᠯᠤᠰ ᠤᠨ ᠳᠤᠳᠤᠭᠠᠳᠤ ᠶᠢᠨ ᠰᠢᠯᠢᠳᠡᠭ ᠡᠬᠦᠯᠳᠡᠷ ᠤᠨ ᠥᠬᠡᠷ ᠡᠳ᠋ᠰᠢᠬᠦᠯᠥᠨ ᠪᠤᠯᠪᠠᠰᠤᠷᠠᠭᠤᠯᠬᠤ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠬᠥᠴᠥ ᠪᠠᠨ ᠳᠥᠪᠯᠡᠷᠡᠬᠦᠯᠥᠨ  ᠪᠥᠲᠥᠬᠡᠨ ᠪᠠᠶᠢᠭᠤᠯᠤᠨ᠎ᠠ᠃ 2017 ᠤᠨ ᠤ ᠰᠡᠬᠦᠯᠴᠢ ᠪᠤᠯᠳᠠᠯ᠎ᠠ᠂  ᠪᠥᠬᠦ ᠠᠶᠢᠮᠠᠭ ᠤᠨ ᠰᠢᠯᠢᠳᠡᠭ ᠡᠬᠦᠯᠳᠡᠷ ᠤᠨ ᠥᠬᠡᠷ ᠢ ᠬᠡᠪᠴᠢᠶᠡᠵᠢᠬᠦᠯᠥᠨ ᠡᠳ᠋ᠰᠢᠬᠦᠯᠥᠨ ᠪᠤᠯᠪᠠᠰᠤᠷᠠᠭᠤᠯᠬᠤ ᠴᠢᠳᠠᠪᠤᠷᠢ ᠶᠢ 50 ᠲᠥᠮᠡᠨ ᠳᠤᠯᠤᠭᠠᠢ  ᠪᠤᠯᠭᠠᠵᠤ᠂  ᠡᠬᠦᠨ ᠤ ᠳᠤᠳᠤᠷ᠎ᠠ ᠲᠠᠶᠢᠹᠤᠰᠧ ᠬᠤᠰᠢᠭᠤ 30 ᠳᠥᠮᠡᠨ ᠳᠤᠯᠤᠭᠠᠢ᠂  ᠰᠢᠯᠢ ᠶᠢᠨ ᠬᠤᠳᠠ 10  ᠳᠥᠮᠡᠨ ᠳᠤᠯᠤᠭᠠᠢ᠂  ᠵᠡᠬᠦᠨ ᠥᠵᠥᠮᠥᠴᠢᠨ ᠬᠤᠰᠢᠭᠤ 10  ᠲᠥᠮᠡᠨ ᠳᠤᠯᠤᠭᠠᠢ᠂ 2020 ᠤᠨ ᠪᠤᠯᠳᠠᠯ᠎ᠠ ᠪᠥᠬᠦ ᠠᠶᠢᠮᠠᠭ ᠤᠨ ᠰᠢᠯᠢᠳᠡᠭ  ᠡᠬᠦᠯᠳᠡᠷ ᠤᠨ ᠥᠬᠡᠷ ᠢ ᠬᠡᠪᠴᠢᠶᠡᠵᠢᠬᠦᠯᠥᠨ ᠡᠳ᠋ᠰᠢᠬᠦᠯᠥᠨ ᠪᠤᠯᠪᠠᠰᠤᠷᠠᠭᠤᠯᠬᠤ ᠴᠢᠳᠠᠪᠤᠷᠢ ᠶᠢ 100 ᠲᠥᠮᠡᠨ ᠳᠤᠯᠤᠭᠠᠢ ᠠᠴᠠ ᠳᠡᠭᠡᠭᠰᠢ ᠪᠤᠯᠭᠠᠨ᠎ᠠ᠃  ᠠᠵᠢᠯ ᠲᠥᠷᠥᠯ ᠤᠨ  ᠳᠠᠭᠠᠭᠤᠯᠤᠭᠴᠢ ᠠᠵᠤ ᠠᠬᠤᠶᠢᠯᠠᠯ ᠪᠤᠯᠤᠨ ᠡᠷᠳᠡᠮ ᠰᠢᠨᠵᠢᠯᠡᠬᠡᠨ ᠤ  ᠪᠠᠶᠢᠭᠤᠯᠤᠮᠵᠢ ᠲᠠᠢ ᠢᠳᠡᠪᠬᠢᠳᠡᠢ ᠬᠤᠷᠰᠢᠵᠤ᠂  ᠮᠢᠬᠠᠨ ᠤ ᠵᠥᠢᠯ ᠵᠢᠴᠢ ᠶᠠᠰᠤ ᠴᠢᠮᠥᠬᠡ᠂  ᠴᠤᠯᠤ ᠡᠷᠬᠡᠳᠡᠨ᠂  ᠥᠬᠡᠬᠦ  ᠂  ᠬᠡᠳᠡᠰᠤ᠂  ᠬᠤᠶᠢᠳᠤᠬᠢ᠂  ᠰᠡᠬᠦᠯ᠂  ᠠᠷᠠᠰᠤ ᠨᠤᠤᠰᠤ ᠵᠡᠷᠬᠡ ᠳᠠᠭᠠᠯᠳ᠋ᠨ ᠥᠢᠯᠡᠳᠬᠦᠨ ᠢ ᠨᠠᠷᠢᠯᠢᠭ ᠡᠳ᠋ᠰᠢᠬᠦᠯᠥᠨ ᠪᠤᠯᠪᠠᠰᠤᠷᠠᠭᠤᠯᠬᠤ ᠶᠢ ᠰᠠᠶᠢᠳᠤᠷ ᠬᠢᠵᠤ᠂  ᠠᠶᠢᠮᠠᠭ ᠤᠨ ᠳᠤᠳᠤᠷᠠᠬᠢ ᠥᠬᠡᠷ ᠡᠳ᠋ᠰᠢᠬᠦᠯᠥᠨ ᠪᠤᠯᠪᠠᠰᠤᠷᠠᠭᠤᠯᠬᠤ ᠳᠤ ᠪᠥᠬᠦᠨ ᠢ ᠪᠥᠬᠦ ᠠᠵᠤ ᠥᠢᠯᠡᠰ ᠤᠨ ᠬᠡᠯᠬᠢᠶᠡᠰᠤ ᠪᠠᠷ ᠨᠠᠷᠢᠯᠢᠭ ᠡᠳ᠋ᠰᠢᠬᠦᠯᠥᠨ ᠪᠤᠯᠪᠠᠰᠤᠷᠠᠭᠤᠯᠬᠤ  ᠎ ᠶᠢ ᠪᠠᠳᠤᠯᠠᠵᠤ᠂  ᠥᠷ᠎ᠡ ᠠᠰᠢᠭ ᠢ ᠬᠠᠮᠤᠭ ᠶᠡᠭᠡ ᠬᠡᠮᠵᠢᠶᠡᠨ ᠳᠤ  ᠬᠥᠷᠬᠡᠨ᠎ᠡ᠃ ᠳᠤᠯᠤᠭᠠᠶᠢᠯᠠᠭᠴᠢ ᠠᠵᠤ ᠠᠬᠤᠶᠢᠯᠠᠯ ᠬᠢᠬᠡᠳ ᠮᠠᠯᠴᠢᠨ ᠲᠠᠷᠢᠶᠡᠴᠢᠨ ᠤ  ᠠᠰᠢᠭ ᠳᠤᠰᠠ ᠶᠢᠨ ᠨᠢᠭᠳᠠ  ᠬᠤᠯᠪᠤᠭᠠᠲᠤ ᠳᠤᠭᠳᠠᠴᠠ ᠶᠢ ᠪᠠᠶᠢᠭᠤᠯᠬᠤ ᠪᠠ ᠵᠢᠱᠢᠶ᠎ᠡ ᠥᠵᠡᠬᠦᠯᠤᠨ ᠳᠠᠶᠢᠴᠢᠯᠠᠬᠤ ᠪᠠᠷ ᠳᠠᠮᠵᠢᠨ᠂   ᠨᠢᠬᠡᠳᠥᠬᠡᠷ ᠠᠵᠤ ᠥᠢᠯᠡᠰ ᠬᠢᠬᠡᠳ ᠬᠤᠶᠠᠳᠤᠭᠠᠷ ᠭᠤᠷᠪᠠᠳᠤᠭᠠᠷ ᠠᠵᠤ ᠥᠢᠯᠡᠰ  ᠎ ᠤᠨ ᠬᠥᠨᠵᠡᠬᠡᠢ ᠠᠭᠤᠰᠤᠯᠴᠠᠯ ᠢ ᠠᠬᠢᠭᠤᠯᠤᠨ᠎ᠠ᠃   ᠳᠠᠭᠠᠭᠤᠯᠤᠭᠴᠢ ᠠᠵᠤ ᠠᠬᠤᠶᠢᠯᠠᠯ ᠨᠢᠬᠡᠪᠤᠷᠢ ᠨᠢ 2000  ᠳᠤᠯᠤᠭᠠᠢ ᠠᠴᠠ ᠳᠡᠭᠡᠭᠰᠢ  ᠴᠠᠪᠡᠷ ᠰᠢᠯᠢᠳᠡᠭ ᠡᠬᠦᠯᠳᠡᠷ ᠤᠨ ᠥᠬᠡᠷ ᠢ ᠭᠠᠳᠠᠨ᠎ᠠ ᠠᠴᠠ ᠤᠷᠤᠭᠤᠯᠵᠤ᠂ 5000 ᠳᠤᠯᠤᠭᠠᠢ ᠠᠴᠠ ᠳᠡᠭᠡᠭᠰᠢ ᠥᠬᠡᠷ ᠪᠤᠷᠳᠤᠨ ᠳᠠᠷᠭᠤᠯᠠᠭᠤᠯᠬᠤ ᠲᠠᠯᠠᠪᠠᠢ ᠪᠠᠶᠢᠭᠤᠯᠵᠤ᠂  ᠤᠯᠠᠨ ᠤᠯᠤᠰ ᠤᠨ ᠲᠡᠷᠢᠬᠦᠨ ᠤ ᠳᠡᠰ ᠤᠨ ᠡᠳ᠋ᠰᠢᠬᠦᠯᠥᠨ ᠪᠤᠯᠪᠠᠰᠤᠷᠠᠭᠤᠯᠬᠤ ᠥᠢᠯᠡᠳᠪᠤᠷᠢᠯᠡᠯ ᠤᠨ ᠱᠤᠭᠤᠮ ᠢ ᠪᠠᠶᠢᠭᠤᠯᠵᠤ᠂  ᠵᠢᠯ ᠤᠨ ᠬᠡᠪᠴᠢᠶᠡᠵᠢᠬᠦᠯᠥᠨ ᠡᠳ᠋ᠰᠢᠬᠦᠯᠥᠨ ᠪᠤᠯᠪᠠᠰᠤᠷᠠᠭᠤᠯᠬᠤ ᠴᠢᠳᠠᠪᠤᠷᠢ ᠪᠠᠨ30 ᠳᠥᠮᠡᠨ ᠳᠤᠯᠤᠭᠠᠢ ᠠᠴᠠ ᠳᠡᠭᠡᠭᠰᠢ ᠪᠤᠯᠭᠠᠨ᠎ᠠ᠃   ᠳᠠᠭᠠᠭᠤᠯᠤᠭᠴᠢ ᠠᠵᠤ ᠠᠬᠤᠶᠢᠯᠠᠯ ᠨᠢᠬᠡᠪᠤᠷᠢ ᠨᠢ 2000 ᠡᠷᠥᠬᠡ ᠠᠴᠠ ᠳᠡᠭᠡᠭᠰᠢ ᠮᠠᠯᠴᠢᠨ ᠳᠠᠷᠢᠶᠡᠴᠢᠨ ᠡᠷᠥᠬᠡ ᠶᠢ ᠨᠥᠯᠥᠬᠡᠯᠡᠨ ᠳᠠᠶᠢᠴᠢᠯᠠᠨ᠎ᠠ᠃           ︵ᠲᠥᠷᠪᠡ︶  ᠠᠰᠢᠭ ᠳᠤᠰᠠ ᠶᠢᠨ ᠨᠢᠭᠳᠠ ᠬᠤᠯᠪᠤᠭᠠᠳᠤ ᠳᠤᠭᠳᠠᠴᠠ ᠶᠢ ᠪᠠᠶᠢᠭᠤᠯᠤᠨ᠎ᠠ  ᠵᠠᠬ᠎ᠠ ᠳᠡᠯᠬᠡᠬᠦᠷᠴᠢᠯᠡᠭᠰᠡᠨ ᠵᠢᠯᠤᠭᠤᠳᠤᠮᠵᠢ ᠶᠢ ᠪᠠᠷᠢᠮᠳᠠᠯᠠᠵᠤ᠂  ᠵᠠᠰᠠᠭ ᠤᠨ ᠤᠷᠳᠤᠨ ᠤ ᠳᠡᠮᠵᠢᠯᠬᠡ ᠥᠢᠯᠡᠴᠢᠯᠡᠭᠡ ᠪᠤᠯᠤᠨ ᠬᠢᠨᠠᠯᠳᠠ ᠬᠠᠮᠢᠶᠠᠷᠤᠯᠳᠠ ᠶᠢᠨ ᠴᠢᠳᠠᠪᠬᠢ ᠶᠢ ᠴᠢᠩᠭᠠᠳᠬᠠᠵᠤ᠂  ᠠᠰᠢᠭ ᠳᠤᠰᠠ ᠶᠢ  ᠬᠤᠯᠪᠤᠯᠳᠤᠭᠤᠯᠬᠤ ᠎ ᠪᠠᠷ ᠬᠥᠬᠦᠷᠬᠡ ᠬᠤᠯᠪᠤᠭᠠᠰᠤ ᠪᠤᠯᠭᠠᠵᠤ᠂  ᠤᠯᠠᠨ ᠵᠥᠢᠯ ᠤᠨ  ᠬᠡᠯᠪᠡᠷᠢ ᠪᠠᠷ᠂  ᠠᠵᠤ ᠠᠬᠤᠶᠢᠯᠠᠯ ᠬᠢᠬᠡᠳ ᠮᠠᠯᠴᠢᠨ ᠲᠠᠷᠢᠶᠡᠴᠢᠨ ᠤ ᠬᠤᠭᠤᠷᠤᠨᠳᠤ ᠥᠨᠡᠨᠴᠢ ᠢᠳᠡᠬᠡᠮᠵᠢᠳᠡᠢ᠂  ᠳᠤᠳᠤᠷᠬᠠᠢ᠂  ᠨᠢᠭᠳᠠ ᠡᠷᠬᠡ ᠬᠠᠷᠢᠭᠤᠴᠠᠯᠭ᠎ᠠ ᠠᠰᠢᠭ ᠳᠤᠰᠠ ᠶᠢᠨ ᠬᠠᠷᠢᠴᠠᠭ᠎ᠠ ᠶᠢ ᠪᠠᠶᠢᠭᠤᠯᠤᠨ᠎ᠠ᠃ 1.  ᠵᠠᠰᠠᠭ ᠤᠨ ᠤᠷᠳᠤᠨ ᠪᠡᠯᠡ ᠭᠠᠷᠭᠠᠨ ᠵᠢᠯᠤᠭᠤᠳᠴᠥ᠂ ᠨᠡᠶᠢᠬᠡᠮ ᠨᠡᠶᠢᠳᠡ ᠶᠢᠨ ᠬᠥᠷᠥᠩᠬᠡ ᠤᠷᠤᠭᠤᠯᠤᠯᠳᠠ ᠶᠢ ᠳᠠᠳᠠᠬᠤ ᠪᠠᠷ ᠳᠡᠮᠵᠢᠨ᠂ ᠬᠤᠸᠠ ᠷᠥᠨ ᠡᠤ  ᠹᠧᠩ ᠤᠳᠤ ᠥᠶ᠎ᠡ ᠶᠢᠨ ᠮᠠᠯᠵᠢᠯ ᠤᠨ ᠺᠤᠮᠫᠠᠨᠢ ᠵᠡᠷᠬᠡ ᠳᠠᠭᠠᠭᠤᠯᠤᠭᠴᠢ ᠠᠵᠤ ᠠᠬᠤᠶᠢᠯᠠᠯ ᠲᠠᠢ ᠬᠤᠷᠰᠢᠵᠤ᠂  ᠤᠳᠤ ᠥᠶ᠎ᠡ ᠶᠢᠨ  ᠮᠠᠯᠵᠢᠯ ᠤᠨ ᠺᠤᠮᠫᠠᠨᠢ ᠪᠠᠶᠢᠭᠤᠯᠵᠤ᠂  ᠰᠢᠯᠢᠳᠡᠭ ᠡᠬᠦᠯᠳᠡᠷ ᠤᠨ ᠥᠬᠡᠷ ᠢ ᠤᠷᠤᠭᠤᠯᠤᠨ ᠥᠷᠡᠵᠢᠬᠦᠯᠬᠦ᠂  ᠪᠤᠷᠳᠤᠨ ᠳᠠᠷᠭᠤᠯᠡᠭᠤᠯᠵᠤ  ᠨᠠᠷᠢᠯᠢᠭ ᠡᠳ᠋ᠰᠢᠬᠦᠯᠥᠨ ᠪᠤᠯᠪᠠᠰᠤᠷᠠᠭᠤᠯᠬᠤ ᠵᠢᠱᠢᠶ᠎ᠡ ᠥᠵᠡᠬᠦᠯᠵᠤ ᠨᠥᠯᠥᠬᠡᠯᠡᠨ ᠳᠠᠭᠠᠭᠤᠯᠵᠤ᠂  ᠮᠠᠯᠴᠢᠨ ᠲᠠᠷᠢᠶᠡᠴᠢᠨ ᠡᠷᠥᠬᠡ ᠎ ᠲᠠᠢ ᠰᠢᠯᠢᠳᠡᠭ ᠡᠬᠦᠯᠳᠡᠷ ᠤᠨ ᠪᠤᠬ᠎ᠠ ᠬᠠᠩᠭᠠᠬᠤ ᠪᠠ ᠪᠤᠷᠳᠤᠨ ᠳᠠᠷᠭᠤᠯᠠᠭᠤᠯᠤᠭᠰᠠᠨ ᠥᠬᠡᠷ ᠢ  ᠪᠤᠴᠠᠵᠤ ᠬᠤᠳᠠᠯᠳᠤᠨ ᠠᠪᠬᠤ ᠬᠤᠶᠡᠷ ᠬᠡᠷ᠎ᠡ ᠶᠢ ᠵᠠᠷᠬᠡᠪᠡᠷ ᠳᠤᠭᠳᠠᠵᠤ᠂  ᠬᠠᠤᠯᠢ ᠶᠤᠰᠤᠭᠠᠷ ᠬᠡᠷ᠎ᠡ ᠪᠠᠨ ᠬᠥᠢᠴᠡᠳᠬᠡᠬᠦ ᠶᠢ ᠵᠠᠰᠠᠭ ᠤᠨ ᠤᠷᠳᠤᠨ ᠬᠢᠨᠠᠨ  ᠬᠠᠮᠢᠶᠠᠷᠤᠨ᠎ᠠ︔  ᠵᠠᠰᠠᠭ ᠤᠨ ᠤᠷᠳᠤᠨ ᠤ ᠳᠠᠮ ᠬᠥᠥ ᠮᠥᠩᠬᠦ  ᠂  ᠥᠢᠯᠡᠴᠢᠯᠡᠭᠡ ᠎ ᠶᠢ ᠬᠤᠳᠠᠯᠳᠤᠨ ᠠᠪᠬᠤ  ᠪᠠ ᠮᠥᠩᠬᠦᠨ ᠬᠥᠢᠯᠬᠡᠬᠡᠨ ᠤ  ᠪᠠᠳᠤᠯᠠᠭ᠎ᠠ ᠵᠡᠷᠬᠡ ᠬᠡᠯᠪᠠᠷᠢ ᠪᠠᠷ᠂ ᠮᠠᠯᠵᠢᠯ ᠤᠨ ᠡᠷᠥᠬᠡ ᠎ ᠳᠤ ᠢᠳᠡᠬᠡᠮᠵᠢᠳᠤ ᠵᠢᠬᠡᠯᠡᠯᠬᠡ᠂  ᠮᠡᠷᠬᠡᠵᠢᠯ᠂  ᠬᠢᠵᠢᠭ ᠰᠡᠷᠬᠡᠶᠢᠯᠡᠬᠦ ᠵᠡᠷᠬᠡ ᠥᠢᠯᠡᠴᠢᠯᠡᠭᠡ  ᠬᠠᠩᠭᠠᠵᠤ᠂  ᠮᠠᠯᠴᠢᠨ ᠳᠠᠷᠢᠶᠡᠴᠢᠨ ᠡᠷᠥᠬᠡ  ᠎ ᠶᠢᠨ ᠬᠤᠳᠠᠯᠳᠤᠨ ᠠᠪᠬᠤ ᠪᠡ  ᠬᠤᠳᠠᠯᠳᠤᠵᠤ ᠭᠠᠷᠭᠠᠬᠤ  ᠎ ᠶᠢ  ᠪᠠᠳᠤᠯᠠᠵᠤ᠂   ᠠᠷᠠᠴᠢᠯᠠᠨ ᠮᠠᠯᠵᠢᠬᠤ ᠳᠤᠨᠢ ᠳᠡᠮᠵᠢᠯᠬᠡ ᠥᠵᠡᠬᠦᠯᠥᠨ᠎ᠠ  ᠃ 2. ᠠᠵᠤ ᠠᠬᠤᠶᠢᠯᠠᠯ ᠨᠢ ᠬᠡᠪᠴᠢᠶᠡᠵᠢᠭᠰᠡᠨ ᠪᠠᠷᠢᠮᠵᠢᠶᠠᠵᠢᠭᠰᠠᠨ ᠮᠠᠯᠵᠢᠯ ᠤᠨ ᠳᠠᠯᠠᠪᠠᠢ ᠪᠠᠶᠢᠭᠤᠯᠵᠤ᠂  ᠮᠠᠯᠴᠢᠳ ᠨᠤᠳᠤᠭ ᠪᠡᠯᠴᠢᠬᠡᠷ ᠢᠶᠠᠷ ᠢᠶᠠᠨ ᠬᠤᠪᠢ ᠤᠷᠤᠭᠤᠯᠵᠤ ᠪᠤᠯᠤᠨ᠎ᠠ᠂  ᠢᠩᠬᠢᠪᠠᠯ ᠠᠵᠤ ᠠᠬᠤᠶᠢᠯᠠᠯ  ᠨᠤᠳᠤᠭ ᠪᠡᠯᠴᠢᠬᠡᠷ ᠬᠡᠷᠡᠭᠯᠡᠬᠦ ᠠᠰᠭᠤᠳᠠᠯ ᠢ ᠰᠢᠢᠳᠪᠤᠷᠢᠯᠡᠬᠦ ᠮᠥᠷᠳᠡᠬᠡᠨ ᠮᠠᠯᠴᠢᠨ ᠳᠠᠷᠢᠶᠡᠴᠢᠨ ᠬᠢᠬᠡᠳ ᠠᠵᠤ ᠠᠬᠤᠶᠢᠯᠠᠯ ᠤᠨ ᠠᠰᠢᠭ ᠳᠤᠰᠠ ᠶᠢᠨ  ᠬᠤᠯᠪᠤᠭᠠᠳᠤ ᠳᠤᠭᠳᠠᠴᠠ ᠶᠢ ᠪᠤᠢ  ᠪᠤᠯᠭᠠᠨ᠎ᠠ᠂  ᠤᠳᠤᠬᠠᠨ ᠤ ᠨᠤᠳᠤᠭ ᠪᠡᠯᠴᠢᠬᠡᠷ ᠰᠢᠯᠵᠢᠬᠦᠯᠬᠦ ᠳᠡᠭᠰᠢᠳᠬᠡᠭᠰᠡᠨ ᠥᠨ᠎ᠡ ᠶᠢᠨ ᠰᠠᠭᠤᠷᠢᠨ ᠳᠡᠬᠡᠷ᠎ᠡ ᠬᠤᠪᠢ ᠤᠷᠤᠭᠤᠯᠬᠤ ᠥᠨ᠎ᠡ ᠶᠢ ᠵᠤᠬᠢᠬᠤ ᠬᠡᠮᠵᠢᠶ᠎ᠡ ᠪᠠᠷ ᠥᠰᠬᠡᠬᠦ ᠪᠤᠶᠤ ᠨᠤᠳᠤᠭ ᠪᠡᠯᠴᠢᠬᠡᠷ ᠢ ᠰᠢᠯᠵᠢᠬᠦᠯᠥᠭᠰᠡᠨ ᠳᠥᠷᠢᠶᠡᠰᠤᠨ ᠮᠥᠩᠬᠦ ᠪᠠᠷ ᠪᠠᠳᠤᠯᠠᠬᠤ ᠬᠡᠯᠡᠯᠴᠡᠬᠡᠷ  ᠳᠤᠭᠳᠠᠨ ᠬᠤᠪᠢ ᠤᠷᠤᠭᠤᠯᠵᠤ᠂  ᠠᠵᠤ ᠠᠬᠤᠶᠢᠯᠠᠯ ᠨᠢ ᠡᠵᠡᠩᠨᠡᠬᠡᠳ ᠠᠰᠢᠭ ᠤᠯᠵᠠᠪᠤᠷᠢ  ᠤᠯᠤᠭᠰᠠᠨ ᠤ ᠳᠠᠷᠠᠭ᠎ᠠ ᠮᠠᠯᠴᠢᠳ ᠤᠷᠤᠯᠭ᠎ᠠ  ᠬᠤᠪᠢᠶᠠᠨ᠎ᠠ᠂ ᠡᠨᠡ ᠨᠢ  ᠲᠠᠩ ᠨᠤᠳᠤᠭ ᠪᠡᠯᠴᠢᠬᠡᠷ ᠢᠶᠠᠨ ᠳᠥᠷᠢᠶᠡᠰᠥᠯᠠᠵᠤ ᠬᠤᠷᠰᠢᠬᠤ ᠠᠴᠠ ᠨᠡᠩ  ᠳᠤᠭᠳᠠᠭᠤᠨ  ᠪᠠᠳᠤᠯᠠᠭ᠎ᠠ ᠲᠠᠢ ᠮᠥᠷᠳᠡᠬᠡᠨ‌ᠠᠰᠢᠭ ᠲᠠᠢ ᠶᠤᠮ᠃ 3. ᠨᠤᠳᠤᠭ ᠪᠡᠯᠴᠢᠭᠡᠷ ᠢᠶᠠᠨ ᠰᠢᠯᠵᠢᠬᠦᠯᠥᠭᠰᠡᠨ ᠮᠠᠯᠴᠢᠨ ᠳᠠᠷᠢᠶᠠᠴᠢᠨ ᠢ  ᠠᠵᠤ ᠠᠬᠤᠶᠢᠯᠡᠯ ᠨᠢ ᠠᠵᠢᠯᠴᠢᠨ ᠢᠶᠠᠷ ᠡᠯᠰᠡᠬᠦ ᠵᠡᠷᠬᠡ ᠬᠡᠯᠪᠡᠷᠢ ᠪᠠᠷ ᠮᠠᠯᠴᠢᠨ ᠳᠠᠷᠢᠶᠡᠴᠢᠨ ᠬᠢᠬᠡᠳ ᠠᠵᠤ ᠠᠬᠤᠶᠢᠯᠠᠯ ᠤᠨ  ᠨᠢᠭᠳᠠ ᠬᠠᠮᠵᠢᠯᠴᠠᠭᠠᠨ ᠤ  ᠴᠤᠭᠴᠠ ᠪᠠᠶᠢᠭᠤᠯᠵᠤ᠂  ᠠᠵᠤ ᠠᠬᠤᠶᠢᠠᠯᠠᠯ ᠤᠨ ᠬᠥᠭᠵᠢᠯᠳᠡ ᠪᠤᠯᠤᠨ ᠮᠠᠯᠴᠢᠨ ᠲᠠᠷᠢᠶᠡᠴᠢᠨ ᠤ ᠤᠷᠤᠯᠭ᠎ᠠ ᠶᠢᠨ ᠨᠡᠮᠡᠭᠳᠡᠯ ᠤᠨ ᠬᠤᠤᠰ ᠠᠮᠵᠢᠯᠳᠡ ᠤᠯᠬᠤ ᠶᠢ ᠪᠡᠶᠡᠯᠡᠬᠦᠯᠥᠨ᠎ᠡ᠃ ᠳᠠᠪᠤ᠂  ᠳᠥᠭᠰᠢᠬᠦᠷᠢ ᠶᠢ ᠰᠡᠷᠭᠡᠶᠢᠯᠡᠬᠦ  ᠰᠢᠰᠲ᠋ᠧᠮ ᠢ ᠪᠠᠶᠢᠭᠤᠯᠤᠨ ᠳᠡᠬᠦᠯᠳᠡᠷᠵᠢᠬᠦᠯᠥᠨ᠎ᠠ ︵ᠨᠢᠬᠡ︶ ᠪᠠᠶᠢᠭᠠᠯᠢ ᠶᠢᠨ ᠭᠠᠮᠰᠢᠭ ᠤᠨ ᠳᠥᠭᠰᠢᠬᠦᠷᠢ ᠶᠢ ᠰᠡᠷᠬᠡᠶᠢᠯᠡᠨ᠎ᠡ᠃  ᠭᠠᠩ ᠬᠠᠭᠰᠠᠷᠭᠠᠨ᠂   ᠬᠤᠷᠤᠬᠠᠢ ᠎ ᠶᠢᠨ ᠭᠠᠮᠰᠢᠭ᠂  ᠮᠥᠨᠳᠥᠷ᠂  ᠴᠠᠭᠠᠨ ᠵᠤᠳ ᠬᠢᠬᠡᠳ ᠡᠯᠡᠰᠤᠨ ᠰᠢᠭᠤᠷᠭ᠎ᠠ  ᠵᠡᠷᠬᠡ  ᠤᠨᠴᠠᠭᠠᠢ  ᠠᠭᠤᠷ ᠠᠮᠢᠰᠬᠤᠯ ᠠᠴᠠ ᠪᠤᠯᠵᠤ᠂  ᠥᠬᠡᠷ  ᠮᠠᠯᠵᠢᠬᠤ ᠠᠵᠤ ᠥᠢᠯᠡᠰ ᠲᠤ ᠤᠴᠠᠷᠠᠭᠤᠯᠵᠤ ᠮᠡᠳᠡᠬᠦ  ᠳᠥᠭᠰᠢᠬᠦᠷᠢ ᠶᠢ ᠢᠳᠡᠪᠬᠢᠳᠡᠢ ᠰᠡᠷᠬᠡᠶᠢᠡᠯᠨ᠎ᠡ᠃  ᠪᠠᠶᠢᠭᠠᠯᠢ ᠶᠢᠨ ᠭᠠᠮᠰᠢᠭ  ᠎ ᠤᠨ ᠳᠥᠭᠰᠢᠬᠦᠷᠢ ᠳᠤ ᠴᠢᠭᠯᠡᠬᠦᠯᠥᠨ᠂   ᠮᠠᠨ ᠤ ᠠᠶᠢᠮᠠᠭ ᠎ ᠤᠨ  ᠠᠭᠤᠷ ᠠᠮᠢᠰᠬᠤᠯ ᠤᠷᠴᠢᠨ ᠳᠤᠭᠤᠷᠢᠨ ᠤ ᠤᠨᠴᠠᠯᠢᠭ ᠲᠤ ᠳᠤᠬᠢᠷᠠᠭᠰᠠᠨ ᠭᠠᠮᠰᠢᠭ ᠠᠴᠠ ᠰᠡᠷᠬᠡᠶᠢᠯᠡᠬᠦ  ᠰᠠᠭᠤᠷᠢ ᠳᠥᠬᠦᠬᠡᠷᠥᠮᠵᠢ ᠶᠢ ᠪᠠᠶᠢᠭᠤᠯᠤᠨ ᠪᠥᠷᠢᠨᠰᠢᠬᠦᠯᠵᠤ᠂  ᠂ ᠰᠢᠨᠵᠢᠯᠡᠬᠦ ᠤᠬᠠᠭᠠᠨ ᠮᠡᠷᠬᠡᠵᠢᠯ ᠤᠨ ᠠᠭᠤᠯᠤᠭᠳᠠᠴᠠ ᠥᠨᠳᠥᠷ᠂  ᠮᠡᠷᠬᠡᠵᠢᠯ ᠤᠨ ᠠᠷᠭ᠎ᠠ ᠴᠢᠩᠭ᠎ᠠ  ᠴᠠᠭ ᠠᠭᠤᠷ ᠤᠨ ᠮᠡᠳᠡᠭᠡ ᠵᠠᠩᠬᠢ ᠶᠢᠨ ᠰᠡᠷᠡᠮᠵᠢ ᠎ ᠶᠢᠨ  ᠰᠢᠰᠲ᠋ᠧᠮᠵᠢ ᠶᠢ ᠪᠠᠶᠢᠭᠤᠯᠵᠤ᠂  ᠮᠡᠳᠡᠭᠡ ᠵᠠᠩᠬᠢ ᠶᠢ ᠴᠠᠭ ᠳᠤᠬᠠᠢ ᠳᠤᠨᠢ ᠨᠡᠶᠢᠳᠡᠯᠡᠵᠤ᠂  ᠮᠠᠯᠵᠢᠬᠤ ᠡᠷᠥᠬᠡ ᠪᠤᠯᠤᠨ ᠮᠠᠯᠵᠢᠯ ᠤᠨ ᠲᠠᠯᠠᠪᠠᠢ ᠶᠢ ᠵᠢᠯᠤᠭᠤᠳᠤᠨ ᠤᠷᠢᠳᠴᠢᠯᠡᠨ ᠰᠡᠷᠬᠡᠶᠢᠯᠡᠵᠤ᠂  ᠪᠠᠶᠢᠭᠠᠯᠢ ᠶᠢᠨ ᠭᠠᠮᠰᠢᠭ ᠤᠨ  ᠳᠥᠭᠰᠢᠬᠦᠷᠢ ᠶᠢ ᠬᠠᠮᠤᠭ ᠳᠤᠤᠷ᠎ᠠ  ᠬᠡᠮᠵᠢᠶᠡᠨ ᠳᠤ ᠪᠠᠶᠢᠯᠭᠠᠬᠤ ᠪᠠᠷ ᠬᠥᠴᠥᠯᠡᠨ ᠴᠢᠷᠮᠡᠶᠢᠨ᠎ᠠ᠃ ︵ᠬᠤᠶᠠᠷ︶  ᠬᠢᠵᠢᠭ ᠬᠡᠮ ᠤᠨ  ᠳᠥᠭᠰᠢᠬᠦᠷᠢ ᠶᠢ ᠰᠡᠷᠬᠡᠶᠢᠯᠡᠨ᠎ᠡ᠃   ᠬᠢᠵᠢᠭ ᠬᠡᠮ ᠰᠡᠷᠬᠡᠶᠢᠯᠡᠬᠦ ᠰᠠᠯᠠᠭ᠎ᠠ ᠮᠥᠴᠢᠷ ᠎ ᠤᠨ ᠬᠢᠨᠡᠯᠳᠡ ᠬᠠᠮᠢᠶᠠᠷᠤᠯᠳᠠ ᠶᠢᠨ ᠡᠬᠦᠷᠬᠡ ᠴᠢᠳᠠᠪᠬᠢ ᠶᠢᠨ ᠥᠢᠯᠡᠳᠥᠯ ᠢ ᠴᠢᠩᠭᠠᠳᠬᠠᠵᠤ᠂   ᠠᠮᠢᠳᠠᠨ ᠤ ᠬᠢᠵᠢᠭ ᠬᠡᠮ ᠢ ᠬᠢᠨᠠᠨ ᠡᠵᠡᠮᠳᠡᠬᠦ᠂  ᠬᠢᠨᠠᠨ ᠪᠠᠶᠢᠴᠠᠭᠠᠬᠤ᠂  ᠰᠡᠷᠬᠡᠶᠢᠯᠡᠨ ᠵᠠᠰᠠᠬᠤ᠂  ᠬᠢᠨᠡᠯᠳᠡ ᠳᠠᠯᠪᠢᠬᠤ ᠨᠡᠶᠢᠬᠡᠮᠴᠢᠯᠡᠭᠰᠡᠨ  ᠰᠢᠰᠲ᠋ᠧᠮ ᠢ ᠪᠠᠶᠢᠭᠤᠯᠤᠨ ᠪᠥᠷᠢᠨᠰᠢᠬᠦᠯᠤᠨ᠎ᠡ᠃ ᠥᠬᠡᠷ ᠮᠠᠯᠵᠢᠬᠤ ᠳᠤ ᠤᠷᠤᠰᠢᠵᠤ ᠪᠠᠶᠢᠭ᠎ᠠ ᠬᠥᠨᠳᠤ ᠶᠡᠭᠡ  ᠬᠢᠵᠢᠭ ᠬᠡᠮ ᠤᠨ ᠳᠥᠭᠰᠢᠬᠦᠷᠢ ᠳᠤ ᠴᠢᠭᠯᠡᠬᠦᠯᠥᠨ᠂  ᠵᠠᠰᠠᠭ ᠤᠨ ᠤᠷᠳᠤᠨ ᠥᠢᠯᠡᠴᠢᠯᠡᠭᠡ ᠬᠤᠳᠠᠯᠳᠤᠨ ᠠᠪᠬᠤ ᠪᠠ ᠵᠠᠬ᠎ᠠ ᠳᠡᠯᠬᠡᠬᠦᠷ ᠤᠨ ᠠᠵᠢᠯᠯᠠᠯᠳᠠ ᠶᠢ ᠤᠶᠠᠯᠳᠤᠭᠤᠯᠬᠤ ᠬᠡᠯᠪᠡᠷᠢ ᠪᠠᠷ᠂  ᠭᠤᠷᠪᠠᠳᠤᠭᠴᠢ ᠡᠳᠡᠬᠡᠳ ᠠᠴᠠ ᠮᠠᠯᠵᠢᠯ ᠤᠨ ᠡᠷᠥᠬᠡ ᠳᠤ  ᠬᠢᠵᠢᠭ  ᠬᠡᠮ  ᠰᠡᠷᠬᠡᠶᠢᠯᠡᠨ ᠵᠠᠰᠠᠬᠤ  ᠥᠢᠯᠡᠴᠢᠯᠡᠭᠡ  ᠬᠠᠩᠭᠠᠵᠤ᠂   ᠠᠵᠤ ᠠᠬᠤᠶᠢᠯᠠᠯ ᠤᠨ ᠤᠷᠢᠭᠰᠠᠨ ᠳᠤᠰᠬᠠᠢ ᠮᠡᠷᠬᠡᠵᠢᠯᠳᠡᠨ ᠨᠢ ᠬᠢᠵᠢᠭ ᠪᠠᠶᠢᠴᠠᠭᠠᠭᠴᠢ᠂  ᠮᠡᠷᠬᠡᠵᠢᠯ ᠳᠥᠬᠡᠮᠡᠯᠵᠢᠬᠦᠯᠥᠭᠴᠢ᠂  ᠰᠢᠨᠵᠢᠯᠡᠬᠦ ᠤᠬᠠᠭᠠᠨᠴᠢ ᠪᠠᠷ ᠠᠷᠠᠴᠢᠯᠠᠨ ᠮᠠᠯᠵᠢᠬᠤ ᠬᠢᠨᠡᠯᠳᠡ ᠳᠠᠯᠪᠢᠭᠴᠢ ᠶᠢᠨ ᠡᠬᠦᠷᠬᠡ ᠬᠠᠷᠢᠭᠤᠴᠠᠯᠭ᠎ᠠ ᠶᠢ ᠬᠤᠤᠰ ᠡᠬᠦᠷᠬᠡᠯᠡᠵᠤ ᠂ 3 ᠵᠢᠯ ᠤᠨ ᠳᠤᠳᠤᠷ᠎ᠠ ᠪᠥᠬᠦᠳᠡ ᠶᠢ ᠪᠥᠷᠬᠦᠬᠦᠯᠥᠨ᠎ᠡ᠃  ᠡᠯ᠎ᠡ ᠱᠠᠳᠤᠨ ᠤ ᠵᠠᠰᠠᠭ ᠤᠨ ᠤᠷᠳᠤᠨ ᠬᠡᠨᠡᠳᠳᠡ ᠡᠬᠦᠰᠬᠦ ᠠᠮᠢᠳᠠᠨ ᠤ  ᠬᠥᠨᠳᠥ ᠶᠡᠭᠡ  ᠬᠢᠵᠢᠭ ᠤᠨ ᠪᠠᠶᠢᠳᠠᠯ ᠢ ᠥᠨᠡᠯᠡᠨ ᠵᠢᠱᠢᠬᠦ᠂  ᠰᠠᠷᠠᠮᠵᠢᠯᠡᠬᠦᠯᠥᠨ ᠮᠡᠳᠡᠬᠡᠯᠡᠬᠦ  ᠪᠠ ᠪᠠᠴᠢᠮ ᠪᠠᠶᠢᠳᠠᠯ ᠢ  ᠠᠷᠭᠠᠴᠠᠨ ᠰᠢᠢᠳᠪᠤᠷᠢᠯᠡᠬᠦ  ᠰᠢᠰᠲ᠋ᠧᠮ ᠢ ᠪᠠᠶᠢᠭᠤᠯᠵᠤ᠂   ᠬᠡᠷᠪᠡ ᠬᠢᠵᠢᠭ  ᠡᠬᠦᠰᠪᠡᠯ ᠳᠠᠷᠤᠢ ᠳᠥᠷᠬᠡᠨ ᠬᠥᠳᠡᠯᠥᠯᠴᠡᠵᠤ᠂ ᠡᠷᠡᠰ  ᠰᠢᠭᠤᠷᠬᠠᠢ ᠰᠢᠢᠳᠪᠤᠷᠢᠯᠡᠵᠤ᠂  ᠬᠢᠵᠢᠭ  ᠳᠡᠯᠬᠡᠷᠡᠬᠦ  ᠎ ᠶᠢ ᠬᠤᠷᠢᠭᠯᠡᠨ᠎ᠡ᠃ ︵ᠭᠤᠷᠪᠡ︶ ᠵᠠᠬ᠎ᠠ ᠳᠡᠯᠬᠡᠬᠦᠷ ᠤᠨ ᠥᠨ᠎ᠡ ᠬᠠᠩᠰᠢ  ᠎ ᠶᠢᠨ ᠬᠡᠯᠪᠡᠯᠵᠡᠯᠳᠡ ᠶᠢᠨ ᠳᠥᠭᠰᠢᠬᠦᠷᠢ ᠶᠢ ᠰᠡᠷᠬᠡᠶᠢᠯᠡᠨ᠎ᠡ᠃  ᠤᠯᠤᠰ ᠤᠨ ᠳᠤᠳᠤᠭᠠᠳᠤ ᠭᠠᠳᠠᠭᠠᠳᠤ ᠶᠢᠨ ᠠᠳᠠᠯᠢ ᠠᠵᠢᠯ ᠲᠥᠷᠥᠯ ᠤᠨ  ᠎ ᠬᠢᠨ ᠤ ᠥᠷᠢᠰᠥᠯᠳᠥᠬᠡᠨ ᠬᠢᠬᠡᠳ ᠵᠠᠬ᠎ᠠ  ᠳᠡᠯᠬᠡᠬᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠬᠤᠪᠢᠷᠠᠯᠳᠠ ᠠᠴᠠ ᠪᠤᠯᠵᠤ᠂  ᠥᠬᠡᠷ ᠤᠨ ᠮᠢᠬᠠᠨ ᠤ ᠥᠨ᠎ᠡ ᠬᠠᠩᠰᠢ ᠬᠡᠯᠪᠡᠯᠵᠡᠵᠤ ᠮᠡᠳᠡᠬᠦ ᠶᠤᠮ᠃  ᠥᠬᠡᠷ ᠤᠨ ᠮᠢᠬᠠᠨ ᠤ ᠵᠠᠬ᠎ᠠ  ᠳᠡᠯᠬᠡᠬᠦᠷ ᠤᠨ ᠥᠨ᠎ᠡ ᠬᠠᠩᠰᠢ ᠶᠢᠨ ᠬᠡᠯᠪᠡᠯᠵᠡᠯᠳᠡ ᠶᠢᠨ   ᠳᠥᠭᠰᠢᠬᠦᠷᠢ ᠳᠤ ᠴᠢᠭᠯᠡᠬᠦᠯᠥᠨ᠂  ᠥᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠨᠥᠬᠦᠪᠤᠷᠢ ᠶᠢ ᠬᠥᠴᠥᠯᠡᠨ ᠤᠯᠵᠤ  ᠨᠢᠬᠡ ᠬᠡᠰᠡᠭ ᠢ ᠨᠥᠬᠦᠪᠤᠷᠢᠯᠡᠬᠦ᠂  ᠠᠶᠢᠮᠠᠭ ᠬᠤᠰᠢᠭᠤ ᠬᠤᠶᠠᠷ ᠱᠠᠳᠤᠨ ᠤ ᠡᠳ᠋ ᠎ ᠤᠨ ᠵᠠᠰᠠᠭ ᠠᠴᠠ ᠨᠢᠬᠡ ᠬᠡᠰᠡᠭ ᠢ ᠳᠤᠬᠢᠷᠠᠭᠤᠯᠬᠤ᠂  ᠡᠳ᠋ᠰᠢᠬᠦᠯᠥᠨ ᠪᠤᠯᠪᠠᠰᠤᠷᠠᠭᠤᠯᠬᠤ ᠠᠵᠤ ᠠᠬᠤᠶᠢᠯᠡᠯ ᠨᠢᠬᠡ ᠬᠡᠰᠡᠭ ᠢ ᠴᠤᠭᠯᠠᠭᠤᠯᠬᠤ᠂  ᠳᠤᠰᠬᠠᠢ ᠮᠠᠯᠵᠢᠯ ᠤᠨ ᠳᠤᠮᠤ ᠡᠷᠥᠬᠡ ᠨᠢᠬᠡ ᠬᠡᠰᠡᠭ ᠢ ᠭᠠᠷᠭᠠᠬᠤ ᠠᠷᠭ᠎ᠠ  ᠠᠪᠴᠤ᠂  ᠵᠠᠰᠠᠭ ᠤᠨ ᠤᠷᠳᠤᠨ  ᠲᠥᠷᠥᠬᠦᠯᠡᠵᠤ᠂  ᠠᠵᠤ ᠠᠬᠤᠶᠢᠯᠠᠯ ᠮᠠᠯᠴᠢᠨ ᠳᠠᠷᠢᠶᠠᠴᠢᠨ ᠬᠠᠮᠳᠤ ᠪᠠᠷ ᠤᠷᠤᠯᠴᠠᠭᠰᠠᠨ ᠥᠨ᠎ᠡ ᠬᠠᠩᠰᠢ ᠶᠢᠨ  ᠳᠥᠭᠰᠢᠬᠦᠷᠢ ᠶᠢ ᠵᠤᠬᠢᠴᠠᠭᠤᠯᠬᠤ ᠰᠠᠭᠤᠷᠢ ᠮᠥᠩᠬᠦ ᠪᠠᠶᠢᠭᠤᠯᠵᠤ᠂  ᠵᠠᠬ᠎ᠠ ᠳᠡᠯᠬᠡᠬᠦᠷ ᠤᠨ  ᠦᠨ᠎ᠠ ᠬᠠᠩᠰᠢ ᠶᠢᠨ  ᠬᠡᠯᠪᠡᠯᠵᠡᠯᠳᠡ ᠶᠢᠨ ᠳᠥᠭᠰᠢᠬᠦᠷᠢ ᠶᠢ ᠢᠳᠡᠪᠬᠢᠳᠡᠢ ᠠᠷᠭᠠᠴᠠᠨ᠎ᠠ᠃  ᠰᠢᠯᠢᠳᠡᠭ ᠡᠬᠦᠯᠳᠡᠷ ᠤᠨ ᠥᠬᠡᠷ ᠮᠠᠯᠵᠢᠬᠤ ᠶᠢ ᠥᠪᠡᠷᠳᠡᠬᠡᠨ ᠵᠠᠰᠠᠬᠤ ᠤᠷᠤᠨ᠂  ᠤᠯᠤᠰ ᠤᠨ ᠲᠥᠷᠥ  ᠪᠤᠳᠤᠯᠭ᠎ᠠ ᠶᠢᠨ ᠴᠢᠨᠠᠷᠳᠡᠢ ᠲᠠᠷᠢᠶᠡᠯᠡᠩ ᠤᠨ ᠳᠠᠭᠠᠳᠬᠠᠯ ᠤᠨ ᠪᠠᠳᠤᠯᠠᠬᠤ ᠬᠡᠪᠴᠢᠶᠡᠨ ᠳᠤ ᠤᠷᠤᠭᠤᠯᠬᠤ ᠪᠠᠷ ᠬᠥᠴᠥᠯᠡᠨ ᠴᠢᠷᠮᠠᠶᠢᠨ᠎ᠠ︔  ᠮᠠᠯᠵᠢᠯ ᠤᠨ ᠡᠷᠥᠬᠡ᠂  ᠮᠠᠯᠵᠢᠯ ᠤᠨ  ᠠᠵᠤ ᠠᠬᠤᠶᠢᠯᠠᠯ ᠢ ᠵᠢᠯᠤᠭᠤᠳᠤᠨ ᠵᠤᠷᠢᠭᠵᠢᠭᠤᠯᠵᠤ ᠬᠤᠳᠠᠯᠳᠤᠭᠠᠨ ᠤ  ᠳᠠᠭᠠᠳᠬᠠᠯ ᠤᠨ ᠺᠤᠮᠫᠠᠨᠢ ᠲᠠᠢ ᠰᠢᠯᠢᠳᠡᠭ ᠡᠬᠦᠯᠳᠡᠷ ᠤᠨ ᠥᠬᠡᠷ ᠮᠠᠯᠵᠢᠬᠤ ᠬᠤᠳᠠᠯᠳᠤᠭᠠᠨ ᠤ ᠳᠠᠭᠠᠳᠬᠠᠯ ᠳᠤ ᠤᠷᠤᠯᠴᠠᠬᠤ ᠬᠡᠷ᠎ᠡ ᠳᠤᠭᠳᠠᠵᠤ᠂  ᠪᠥᠬᠦ ᠠᠵᠤ ᠥᠢᠯᠡᠰ ᠤᠨ ᠬᠡᠯᠬᠢᠶᠡᠰᠤ ᠶᠢᠨ ᠳᠥᠭᠰᠢᠬᠦᠷᠢ ᠶᠢ ᠰᠡᠷᠬᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠥᠨ᠎ᠡ᠃   ᠵᠢᠷᠭᠤᠭ᠎ᠠ᠂  ᠥᠢᠯᠡᠴᠢᠯᠡᠬᠡᠨ ᠤ ᠰᠢᠰᠲ᠋ᠧᠮ ᠢ ᠪᠠᠶᠢᠭᠤᠯᠤᠨ ᠪᠥᠷᠢᠨᠰᠢᠬᠦᠯᠥᠨ᠎ᠠ ︵ᠨᠢᠬᠡ︶ ᠤᠳᠤ ᠥᠶ᠎ᠡ ᠶᠢᠨ ᠡᠵᠡᠩᠨᠡᠨ ᠪᠤᠷᠤᠯᠠᠭᠤᠯᠬᠤ ᠳᠤᠤᠷ ᠰᠥᠯᠵᠢᠶ᠎ᠡ ᠶᠢ ᠪᠠᠶᠢᠭᠤᠯᠤᠨ᠎ᠠ1.  ᠥᠪᠥᠷ ᠮᠤᠩᠭᠤᠯ ᠢᠶᠠᠷ ᠢᠶᠠᠨ ᠵᠤᠭᠰᠤᠴᠠ ᠪᠤᠯᠭᠠᠵᠤ᠂   ᠤᠮᠠᠷᠠᠳᠤ ᠤᠷᠤᠨ ᠵᠡᠬᠦᠨ ᠬᠤᠶᠢᠳᠤ ᠤᠷᠤᠨ ᠢ ᠨᠥᠯᠥᠬᠡᠯᠡᠨ᠂  ᠪᠥᠬᠦ ᠤᠯᠤᠰ ᠲᠤ ᠬᠠᠨᠳᠤᠭᠤᠯᠬᠤ ᠬᠠᠷᠠᠯᠳᠠ ᠶᠤᠰᠤᠭᠠᠷ᠂  ᠰᠢᠯᠢ ᠶᠢᠨ ᠭᠤᠤᠯ ᠤᠨ ᠥᠬᠡᠷ ᠬᠤᠨᠢᠨ ᠮᠢᠬᠠᠨ ᠤ ᠠᠷᠠᠯᠵᠢᠶᠡᠨ ᠤ ᠳᠥᠪ ᠪᠠᠶᠢᠭᠤᠯᠵᠤ᠂  ᠪᠡᠯᠡᠨ ᠪᠠᠷᠠᠭ᠎ᠠ᠂ ᠬᠤᠭᠤᠴᠠᠭᠠᠳᠤ ᠪᠠᠷᠠᠭ᠎ᠠ ᠵᠢᠴᠢ ᠥᠷᠡᠵᠢᠬᠦᠯᠥᠨ ᠪᠤᠶᠢᠵᠢᠭᠤᠯᠬᠤ᠂  ᠡᠳ᠋ᠰᠢᠬᠦᠯᠥᠨ ᠪᠤᠯᠪᠠᠰᠤᠷᠠᠭᠤᠯᠬᠤ᠂   ᠪᠤᠷᠤᠯᠠᠭᠤᠯᠤᠨ ᠬᠤᠳᠠᠯᠳᠤᠬᠤ᠂  ᠬᠥᠮᠥᠷᠬᠡᠯᠡᠨ ᠬᠠᠳᠠᠭᠠᠯᠠᠬᠤ᠂  ᠪᠤᠳᠠᠰ ᠤᠨ ᠬᠥᠢᠯᠬᠡᠬᠡᠨ ᠵᠡᠷᠬᠡ ᠶᠢ ᠨᠢᠬᠡ ᠴᠤᠭᠴᠠᠵᠢᠭᠤᠯᠤᠭᠰᠠᠨ‌ᠥᠬᠡᠷ ᠬᠤᠨᠢᠨ ᠮᠢᠬᠠᠨ ᠤ ᠶᠡᠷᠥᠩᠬᠡᠶᠢᠯᠡᠭᠰᠡᠨ ᠴᠢᠨᠡᠷᠳᠡᠢ  ᠤᠳᠤᠬᠢᠴᠢᠯᠠᠭᠰᠠᠨ  ᠠᠷᠠᠯᠵᠢᠶᠡᠨ ᠤ ᠳᠠᠪᠴᠠᠩ ᠢ ᠪᠠᠶᠢᠭᠤᠯᠤᠨ᠎ᠠ᠃ 2.  ᠡᠳ᠋ᠰᠢᠬᠦᠯᠥᠨ ᠪᠤᠯᠪᠠᠰᠤᠷᠠᠭᠤᠯᠵᠤ ᠥᠢᠯᠡᠳᠪᠤᠷᠢᠯᠡᠬᠦ᠂  ᠬᠠᠳᠠᠭᠠᠯᠠᠬᠤ᠂  ᠵᠥᠬᠡᠬᠡᠪᠤᠷᠢᠯᠡᠬᠦ ᠠᠴᠠ ᠠᠪᠤᠭᠠᠳ ᠪᠤᠷᠤᠯᠠᠭᠤᠯᠬᠤ ᠬᠥᠷᠳᠡᠯᠡᠬᠢ ᠬᠥᠯᠳᠡᠬᠦᠥ ᠬᠡᠯᠬᠢᠶ᠎ᠡ ᠵᠢᠨ‌‍ᠪᠤᠳᠠᠰ ᠤᠨ ᠬᠥᠢᠯᠬᠡᠬᠡᠨ ᠤ  ᠰᠢᠰᠲ᠋ᠧᠮ ᠢ ᠳᠥᠷᠬᠡᠨ ᠪᠠᠶᠢᠭᠤᠯᠵᠤ᠂  ᠪᠤᠳᠠᠰ ᠤᠨ ᠬᠥᠢᠯᠬᠡᠬᠡᠨ ᠤ ᠳᠥᠪᠰᠢᠨ ᠪᠠ ᠥᠷ᠎ᠡ ᠪᠥᠲᠥᠮᠵᠢ ᠶᠢ ᠳᠡᠭᠡᠭᠰᠢᠯᠡᠬᠦᠯᠵᠤ᠂  ᠤᠯᠠᠭᠠᠨ ᠢᠳᠡᠬᠡᠨ ᠤ ᠪᠥᠬᠦ ᠠᠵᠤ ᠥᠢᠯᠡᠰ ᠤᠨ ᠬᠡᠯᠬᠢᠶᠡᠰᠤᠨ ᠤ ᠭᠤᠭᠴᠤᠭ᠎ᠠ ᠨᠢᠬᠡᠪᠤᠷᠢ ᠶᠢᠨ ᠶᠠᠰᠤ ᠴᠢᠨᠡᠷ  ᠎ ᠤᠨ ᠠᠮᠤᠷ ᠳᠥᠪᠰᠢᠨ ᠢ ᠪᠠᠳᠤᠯᠠᠨ᠎ᠠ᠃  ᠪᠠᠷᠢᠮᠵᠢᠶᠠᠵᠢᠭᠰᠠᠨ ᠬᠡᠮᠵᠢᠶ᠎ᠡ ᠥᠨᠳᠥᠷ᠂  ᠳᠤᠰᠬᠠᠶᠢᠵᠢᠭᠰᠠᠨ ᠳᠥᠪᠰᠢᠨ ᠥᠨᠳᠥᠷ ᠠᠵᠤ ᠠᠬᠤᠶᠢᠯᠠᠯ ᠢ ᠢᠳᠡᠪᠬᠢᠳᠡᠢ ᠳᠠᠳᠠᠨ ᠤᠷᠤᠭᠤᠯᠵᠤ᠂  ᠪᠠᠷᠢᠮᠵᠢᠶᠠᠵᠢᠭᠰᠠᠨ ᠬᠥᠯᠳᠡᠬᠦᠥ ᠬᠡᠯᠬᠢᠶ᠎ᠡ ᠶᠢᠨ ᠪᠤᠳᠠᠰ ᠎ ᠤᠨ  ᠬᠥᠢᠯᠬᠡᠬᠡᠨ ᠤ  ᠰᠢᠰᠲ᠋ᠧᠮ ᠢ ᠪᠠᠶᠢᠭᠤᠯᠵᠤ᠂   ᠪᠤᠭᠤᠳᠠᠯᠯᠠᠬᠤ᠂  ᠵᠥᠬᠡᠬᠡᠪᠤᠷᠢᠯᠡᠬᠦ᠂  ᠳᠡᠬᠡᠬᠡᠵᠤ ᠪᠠᠭᠤᠯᠭᠠᠬᠤ᠂  ᠬᠠᠳᠠᠭᠠᠯᠠᠬᠤ᠂  ᠬᠥᠷᠬᠡᠬᠦ᠂  ᠵᠢᠵᠢᠭᠯᠡᠨ ᠬᠤᠳᠠᠯᠳᠤᠬᠤ ᠬᠥᠯᠳᠡᠬᠡᠬᠦᠷ ᠬᠤᠷᠭᠤ  ᠎ ᠶᠢ  ᠴᠥᠮ ᠪᠠᠷᠢᠮᠵᠢᠶᠠᠵᠢᠭᠤᠯᠤᠨ᠎ᠠ 3.  ᠳᠤᠯᠤᠭᠠᠶᠢᠯᠠᠭᠴᠢ ᠠᠵᠤ ᠠᠬᠤᠶᠢᠯᠠᠯ ᠢᠶᠠᠷ ᠳᠠᠮᠵᠢᠭᠤᠯᠤᠨ  ᠭᠤᠤᠯ ᠳᠤᠭᠤᠭᠠᠨ ᠬᠡᠷ᠂  ᠨᠡᠷᠡᠳᠤ ᠳᠤᠰᠬᠠᠢ ᠬᠤᠳᠠᠯᠳᠤᠭᠠᠨ ᠤ ᠳᠡᠯᠬᠡᠬᠦᠷ᠂  ᠪᠡᠶ᠎ᠡ ᠪᠠᠷ ᠢᠶᠠᠨ ᠳᠤᠷᠰᠢᠬᠤ ᠳᠡᠯᠬᠡᠬᠦᠷ  ᠂  ᠬᠤᠳᠠᠯᠳᠤᠭᠠᠨ  ᠎ ᠤ ᠭᠠᠵᠠᠷ ᠤᠨ ᠳᠤᠰᠬᠠᠢ ᠬᠤᠷᠭᠤ  ᠵᠢᠴᠢ ᠥᠪᠡᠷᠳᠡᠬᠡᠨ ᠡᠵᠡᠩᠨᠠᠬᠦ ᠢᠳᠡᠬᠡᠨ ᠤᠮᠳᠠᠭᠠᠨ ᠤ ᠬᠤᠭᠤᠯᠠᠨ ᠬᠡᠷ ᠵᠡᠷᠬᠡ  ᠬᠡᠯᠪᠡᠷᠢ ᠪᠠᠷ  ᠪᠤᠷᠤᠯᠠᠭᠤᠯᠬᠤ ᠠᠷᠭ᠎ᠠ ᠵᠠᠮ ᠢ  ᠥᠷᠬᠡᠳᠬᠡᠨ᠎ᠡ᠃  4.  ︽ᠢᠨᠲ᠋ᠧᠷ ᠰᠥᠯᠵᠢᠶ᠎ᠡ +  ᠤᠳᠤ ᠥᠶ᠎ᠡ ᠶᠢᠨ ᠮᠠᠯ ᠠᠵᠤ ᠠᠬᠤᠢ︾  ᠎ ᠶᠢ ᠬᠥᠢᠴᠡᠳ ᠬᠡᠷᠡᠭᠯᠡᠵᠤ᠂  ᠤᠳᠤ ᠥᠶ᠎ᠡ ᠶᠢᠨ ᠮᠠᠯ ᠠᠵᠤ ᠠᠬᠤᠢ ᠶᠢᠨ ᠳᠤᠮᠤ ᠳ᠋ᠠᠶᠢᠲ᠋ᠡ ᠶᠢᠨ ᠲᠠᠪᠴᠠᠩ  ᠪᠠᠶᠢᠭᠤᠯᠵᠤ᠂  ᠪᠥᠬᠦ ᠤᠯᠤᠰ ᠲᠤ ᠬᠠᠮᠤᠭ ᠲᠡᠷᠢᠬᠦᠨ ᠳᠤ  ᠤᠳᠤ ᠥᠶ᠎ᠡ ᠶᠢᠨ ᠮᠠᠯ ᠠᠵᠤ ᠠᠬᠤᠢ ᠶᠢᠨ ᠳᠤᠮᠤ ᠳ᠋ᠠᠶᠢᠲ᠋ᠡ ᠶᠢᠨ ᠬᠡᠷᠡᠭᠯᠡᠬᠡᠨ ᠤ ᠳᠤᠷᠰᠢᠯᠳᠠ ᠶᠢᠨ ᠴᠢᠭ᠋ ᠪᠠᠶᠢᠭᠤᠯᠤᠨ᠎ᠠ᠃  ᠮᠠᠯᠵᠢᠬᠤ ᠲᠠᠷᠢᠶᠠᠯᠠᠬᠤ ᠤᠷᠤᠨ ᠤ ᠮᠡᠳᠡᠭᠡ ᠵᠠᠩᠬᠢᠵᠢᠯᠳᠠ ᠶᠢᠨ ᠰᠠᠭᠤᠷᠢ ᠪᠥᠲᠥᠬᠡᠨ ᠪᠠᠶᠢᠭᠤᠯᠤᠯᠳᠠ ᠶᠢ ᠳᠥᠷᠬᠡᠳᠬᠡᠵᠤ᠂  ᠪᠥᠬᠦ ᠠᠶᠢᠮᠠᠭ ᠤᠨ ᠥᠬᠡᠷ  ᠮᠠᠯᠵᠢᠬᠤ ᠠᠵᠤ ᠥᠢᠯᠡᠰ ᠤᠨ ᠮᠡᠳᠡᠭᠡ ᠵᠠᠩᠬᠢ ᠎ ᠶᠢᠨ ᠥᠢᠯᠡᠴᠢᠯᠡᠬᠡᠨ ᠪᠠ ᠡᠯᠧᠺᠲᠷᠥᠨ ᠬᠤᠳᠠᠯᠳᠤᠭᠠᠨ ᠤ ᠶᠠᠪᠤᠳᠠᠯ ᠤᠨ ᠳᠠᠪᠴᠠᠩ ᠪᠠᠶᠢᠭᠤᠯᠵᠤ  ᠂ ᠡᠯ᠎ᠡ ᠱᠠᠳᠤᠨ ᠤ ᠵᠠᠰᠠᠭ ᠤᠨ ᠤᠷᠳᠤᠨ᠂  ᠠᠵᠤ ᠠᠬᠤᠶᠢᠯᠠᠯ᠂  ᠬᠤᠷᠰᠢᠶᠡᠵᠢᠯ᠂  ᠮᠠᠯᠴᠢᠨ ᠲᠠᠷᠢᠶᠡᠴᠢᠨ ᠳᠤ ᠵᠠᠬ᠎ᠠ ᠳᠡᠯᠬᠡᠬᠦᠷ᠂  ᠮᠡᠷᠬᠡᠵᠢᠯ ᠵᠡᠷᠬᠡ ᠮᠡᠳᠡᠭᠡ ᠵᠠᠩᠬᠢ ᠶᠢᠨ ᠥᠢᠯᠡᠴᠢᠯᠡᠭᠡ ᠬᠠᠩᠭᠠᠨ᠎ᠠ᠃ 5. ᠭᠤᠷᠪᠡᠨ ᠠᠵᠤ ᠥᠢᠯᠡᠰ  ᠎ ᠤᠨ ᠠᠭᠤᠰᠤᠯᠴᠠᠭᠰᠠᠨ ᠬᠥᠭᠵᠢᠯᠳᠡ ᠶᠢ ᠠᠬᠢᠭᠤᠯᠬᠤ ᠶᠢᠨ ᠳᠤᠭᠤᠷᠢᠨ ᠳᠤ᠂  ᠰᠢᠯᠢ ᠎ ᠶᠢᠨ ᠭᠤᠤᠯ  ᠤᠯᠠᠨ ᠤᠯᠤᠰ ᠤᠨ ᠳᠠᠯ᠎ᠠ ᠨᠤᠳᠤᠭ ᠤᠨ  ᠮᠠᠯ ᠤᠨ ᠠᠰᠢᠭ ᠰᠢᠮ᠎ᠡ ᠶᠢᠨ ᠠᠮᠳᠠᠳᠤ ᠢᠳᠡᠬᠡᠨ ᠤ ᠪᠠᠶᠠᠷ ᠎ ᠢ ᠥᠨᠳᠥᠷ ᠳᠥᠪᠰᠢᠨ ᠢᠶᠠᠷ ᠳᠥᠯᠥᠪᠯᠡᠨ ᠡᠷᠬᠢᠯᠡᠵᠤ᠂  ᠤᠯᠤᠰ ᠤᠨ ᠳᠤᠳᠤᠭᠠᠳᠤ ᠭᠠᠳᠠᠭᠳᠤ ᠳᠤ ᠵᠤᠬᠢᠬᠤ  ᠨᠥᠯᠥᠬᠡ ᠲᠠᠢ  ᠳᠠᠯ᠎ᠠ ᠨᠤᠳᠤᠭ ᠤᠨ ᠰᠤᠶᠤᠯ ᠵᠤᠭᠠᠴᠠᠯ᠂  ᠪᠤᠬᠢᠷᠳᠤᠯ ᠥᠬᠡᠢ ᠳᠤᠮᠳᠠ ᠳᠡᠭᠡᠳᠤ ᠳᠡᠰ ᠤᠨ ᠮᠠᠯ ᠤᠨ  ᠠᠰᠢᠭ ᠰᠢᠮ᠎ᠡ  ᠎ ᠶᠢᠨ  ᠪᠥᠲᠥᠬᠡᠭᠳᠡᠬᠦᠨ ᠢ ᠥᠢᠯᠡᠳᠪᠤᠷᠢᠯᠡᠵᠤ ᠡᠳ᠋ᠰᠢᠬᠦᠯᠬᠦ ᠳᠡᠯᠬᠡᠨ ᠥᠵᠡᠬᠦᠯᠥᠯᠬᠡ ᠪᠠ ᠪᠡᠶ᠎ᠡ ᠪᠠᠷ ᠎ ᠢᠶᠠᠨ ᠳᠤᠷᠰᠢᠬᠤ ᠵᠢᠴᠢ ᠠᠷᠠᠯᠵᠢᠶ᠎ᠠ ᠬᠤᠳᠠᠯᠳᠤᠭᠠᠨ ᠤ ᠵᠥᠪᠳᠡᠯᠴᠡᠬᠡᠷ᠂  ᠠᠵᠢᠯ ᠲᠥᠷᠥᠯ ᠤᠨ ᠰᠤᠯᠢᠯᠴᠠᠭ᠎ᠠ᠂   ᠡᠷᠳᠡᠮ ᠰᠢᠨᠵᠢᠯᠡᠬᠡᠨ ᠪᠤᠯᠤᠨ  ᠮᠡᠷᠬᠡᠵᠢᠯ ᠤᠨ ᠳᠥᠬᠡᠮᠡᠯᠵᠢᠬᠦᠯᠥᠯᠳᠡ ᠵᠡᠷᠬᠡ ᠶᠢ ᠨᠢᠬᠡ ᠴᠤᠭᠴᠠ ᠪᠤᠯᠭᠠᠭᠰᠠᠨ ᠨᠡᠷᠡᠳᠤ ᠳᠡᠮᠳᠡᠭᠳᠤ ᠶᠢ  ᠡᠬᠦᠳᠥᠨ᠎ᠡ᠃ ︵ᠬᠤᠶᠠᠷ︶  ᠪᠤᠬᠢᠷᠳᠤᠯ ᠥᠬᠡᠢ ᠨᠡᠷᠡᠳᠤ ᠳᠡᠮᠳᠡᠭᠳᠤ ᠪᠤᠯᠤᠨ ᠠᠵᠤ ᠥᠢᠯᠡᠰ ᠤᠨ ᠪᠥᠬᠦ  ᠬᠡᠯᠬᠢᠶᠡᠰᠤ ᠶᠢᠨ ᠮᠥᠷᠳᠡᠨ  ᠨᠡᠬᠡᠮᠵᠢᠯᠠᠬᠦ  ᠰᠢᠰᠲ᠋ᠧᠮ ᠢ ᠪᠠᠶᠢᠭᠤᠯᠤᠨ᠎ᠠ1.  ᠪᠤᠬᠢᠷᠳᠤᠯ ᠥᠬᠡᠢ ᠨᠡᠷᠡᠳᠤ ᠳᠡᠮᠳᠡᠭᠳᠤ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠥᠨ᠎ᠡ᠃ ᠵᠠᠰᠠᠭ ᠤᠨ ᠤᠷᠳᠤᠨ ᠤ ᠤᠳᠤᠷᠢᠳᠤᠮᠵᠢ ᠶᠢ  ᠪᠠᠷᠢᠮᠳᠠᠯᠠᠵᠤ᠂  ᠠᠵᠢᠯ ᠲᠥᠷᠥᠯ ᠤᠨ ᠨᠡᠶᠢᠬᠡᠮᠯᠢᠭ ᠪᠤᠯᠤᠨ ᠳᠠᠭᠠᠭᠤᠯᠤᠭᠴᠢ ᠠᠵᠤ ᠠᠬᠤᠶᠢᠯᠠᠯ ᠤᠨ ᠢᠳᠡᠪᠬᠢᠵᠢᠯ ᠢ ᠬᠥᠢᠴᠡᠳ ᠪᠠᠳᠠᠷᠠᠭᠤᠯᠵᠤ᠂  ︽ᠰᠢᠯᠢ ᠶᠢᠨ ᠭᠤᠤᠯ ᠤᠨ ᠥᠬᠡᠷ ᠤᠨ ᠮᠢᠬ᠎ᠠ︾  ᠪᠤᠬᠢᠷᠳᠤᠯ ᠥᠬᠡᠢ ᠮᠠᠯ ᠤᠨ ᠠᠰᠢᠭ ᠰᠢᠮ᠎ᠡ ᠶᠢᠨ ᠪᠥᠲᠥᠬᠡᠭᠳᠡᠬᠦᠨ ᠤ ᠶᠠᠰᠤ ᠴᠢᠨᠠᠷ ᠤᠨ  ᠪᠠᠷᠢᠮᠵᠢᠶᠡᠨ ᠤ  ᠰᠢᠰᠲ᠋ᠧᠮ  ᠪᠤᠯᠤᠨ ᠨᠡᠷᠡᠳᠤ ᠳᠡᠮᠳᠡᠭᠳᠤ ᠶᠢᠨ ᠬᠡᠷᠡᠭᠯᠡᠯᠳᠡ ᠬᠠᠮᠢᠶᠠᠷᠤᠯᠳᠠ ᠶᠢᠨ ᠠᠷᠭ᠎ᠠ ᠶᠢ ᠳᠤᠭᠳᠠᠭᠠᠵᠤ᠂  ᠶᠠᠰᠤ ᠴᠢᠨᠠᠷ ᠤᠨ ᠨᠤᠳᠠᠯᠠᠯᠳᠠ ᠶᠢ ᠬᠢᠨᠡᠮᠠᠭᠠᠢ ᠥᠷᠨᠢᠬᠦᠯᠵᠤ᠂  ᠪᠠᠷᠢᠮᠵᠢᠶᠡᠨ ᠤ ᠱᠠᠭᠠᠷᠳᠠᠯᠭ᠎ᠠ ᠳᠤ  ᠨᠡᠶᠢᠴᠡᠭᠰᠡᠨ ᠰᠢᠯᠢᠳᠡᠭ  ᠡᠬᠦᠯᠳᠡᠷ ᠎ ᠤᠨ ᠥᠬᠡᠷ ᠤᠨ ᠠᠰᠢᠭ ᠰᠢᠮ᠎ᠡ  ᠎ ᠶᠢᠨ ᠪᠥᠲᠥᠬᠡᠭᠳᠡᠬᠦᠨ ᠳᠤ ︽ᠰᠢᠯᠢ ᠶᠢᠨ ᠭᠤᠤᠯ ‍ᠤᠨ‌ᠥᠬᠡᠷ ᠤᠨ ᠮᠢᠬ᠎ᠠ︾  ᠨᠢᠬᠡᠳᠥᠯᠳᠡᠢ ᠢᠯᠡᠳᠬᠡᠮᠵᠢ ᠶᠢᠨ ᠳᠡᠮᠳᠡᠭ ᠬᠡᠷᠡᠭᠯᠡᠵᠤ᠂  ︽ᠰᠢᠯᠢ ᠶᠢᠨ ᠭᠤᠤᠯ ᠤᠨ ᠥᠬᠡᠷ ᠤᠨ ᠮᠢᠬ᠎ᠠ︾  ᠎ ᠶᠢᠨ ᠭᠠᠵᠠᠷ ᠵᠥᠢ ᠶᠢᠨ ᠢᠯᠡᠳᠬᠡᠮᠵᠢ ᠶᠢᠨ ᠲᠠᠸᠠᠷ ᠤᠨ ᠳᠡᠮᠳᠡᠭ ᠢ ︽ᠳᠤᠮᠳᠠᠳᠤ ᠤᠯᠤᠰ ᠤᠨ ᠠᠯᠳᠠᠷᠳᠤ ᠲᠠᠸᠠᠷ  ᠎ ᠤᠨ ᠳᠡᠮᠳᠡᠭ︾ ᠪᠤᠯᠭᠠᠵᠤ᠂  ᠰᠢᠯᠢ ᠶᠢᠨ ᠭᠤᠤᠯ ᠤᠨ ᠪᠤᠬᠢᠷᠳᠤᠯ ᠥᠬᠡᠢ ᠥᠬᠡᠷ ᠤᠨ ᠮᠢᠬᠠᠨ ᠤ  ᠭᠠᠵᠠᠷ ᠤᠷᠤᠨ ᠤ ᠨᠡᠷᠡᠳᠤ ᠳᠡᠮᠳᠡᠭᠳᠤ ᠶᠢ ᠡᠬᠦᠳᠴᠥ᠂  ᠤᠷᠤᠨ ᠪᠥᠰᠡ ᠶᠢᠨ ᠤᠨᠴᠠᠯᠢᠭᠳᠤ ᠪᠥᠲᠥᠬᠡᠭᠳᠡᠬᠦᠨ ᠤ ᠨᠡᠷ᠎ᠡ ᠠᠯᠳᠠᠷᠰᠢᠯ ᠢ ᠮᠡᠨᠳᠤᠭᠤᠯᠵᠤ᠂  ᠰᠢᠯᠢ ᠶᠢᠨ ᠭᠤᠤᠯ ᠠᠶᠢᠮᠠᠭ ᠤᠨ ᠳᠠᠯ᠎ᠠ ᠨᠤᠳᠤᠭ ᠤᠨ ᠥᠬᠡᠷ ᠤᠨ ᠮᠢᠬᠠᠨ ᠤ  ᠨᠡᠷᠡᠳᠤ ᠳᠡᠮᠳᠡᠭ ᠎ ᠤᠨ  ᠥᠨᠳᠤᠷ ᠥᠨ᠎ᠡ ᠶᠢ ᠳᠡᠭᠡᠭᠰᠢᠯᠡᠬᠦᠯᠥᠨ᠎ᠠ᠃2.  ᠠᠵᠤ ᠥᠢᠯᠡᠰ ᠤᠨ ᠪᠥᠬᠦ ᠬᠡᠯᠬᠢᠶᠡᠰᠤᠨ ᠤ ᠶᠠᠰᠤ ᠴᠢᠨᠡᠷ ᠢ ᠮᠥᠷᠳᠡᠨ ᠨᠡᠬᠡᠮᠵᠢᠯᠡᠬᠦ ᠰᠢᠰᠲ᠋ᠧᠮ ᠢ ᠳᠥᠷᠬᠡᠨ ᠪᠠᠶᠢᠭᠤᠯᠵᠤ᠂  ᠪᠥᠬᠦ ᠶᠠᠪᠤᠴᠠ ᠳᠤ ᠮᠥᠷᠳᠡᠨ ᠨᠡᠬᠡᠮᠵᠢᠯᠡᠵᠤ ᠪᠤᠯᠬᠤ ᠪᠠ ᠮᠡᠳᠡᠭᠡ ᠵᠠᠩᠬᠢᠵᠶᠯᠳᠡ ᠶᠢᠨ  ᠬᠠᠮᠢᠶᠠᠷᠤᠯᠳᠠ ᠎ ᠶᠢ ᠪᠡᠶᠡᠯᠡᠬᠦᠯᠥᠨ᠎ᠠ᠃  ᠥᠬᠡᠷ ᠤᠨ ᠪᠤᠳᠠᠭᠠᠯᠢ ᠪᠡᠶ᠎ᠡ ᠶᠢᠨ ᠢᠯᠡᠳᠬᠡᠮᠵᠢ ᠶᠢᠨ ᠮᠡᠷᠬᠡᠵᠢᠯ᠂  ᠳᠤᠭ᠎ᠠ ᠪᠠᠷᠢᠮᠳᠡ ᠶᠢ ᠴᠤᠭᠯᠠᠭᠤᠯᠬᠤ ᠪᠠ ᠳᠠᠮᠵᠢᠭᠤᠯᠬᠤ ᠮᠡᠷᠬᠡᠵᠢᠯ ᠢ ᠠᠰᠢᠭᠯᠠᠨᠵᠤ᠂  ᠥᠬᠡᠷ ᠤᠨ ᠪᠤᠳᠠᠭᠠᠯᠢ ᠪᠡᠶ᠎ᠡ ᠶᠢᠨ ᠤᠳᠤᠮ ᠤᠭᠰᠠᠭ᠎ᠠ᠂  ᠥᠰᠥᠯᠳᠡ  ᠪᠤᠶᠢᠵᠢᠯᠳᠡ ᠶᠢᠨ ᠪᠠᠶᠢᠳᠠᠯ  ᠵᠡᠷᠬᠡ ᠳᠠᠩᠰᠠ ᠡᠪᠬᠡᠮᠡᠯ ᠤᠨ ᠳᠤᠭ᠎ᠠ  ᠪᠠᠷᠢᠮᠳᠠ ᠶᠢᠨ ᠬᠥᠮᠥᠷᠬᠡ ᠪᠠᠶᠢᠭᠤᠯᠤᠨ᠎ᠠ᠃  ᠲᠡᠵᠢᠬᠡᠯ ᠡᠪᠡᠰᠤ᠂  ᠮᠠᠯ ᠤᠨ ᠡᠮ ᠵᠡᠷᠬᠡ ᠬᠡᠷᠡᠭᠯᠡᠬᠦ ᠵᠥᠢᠯ ᠳᠠᠬᠢ ᠬᠢᠨᠡᠯᠳᠡ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂  ᠥᠢᠯᠡᠳᠪᠤᠷᠢᠯᠡᠬᠦ  ᠪᠡ ᠪᠤᠷᠤᠯᠠᠭᠤᠯᠬᠤ ᠪᠥᠬᠦ ᠶᠠᠪᠤᠴᠠ ᠳᠤ ᠬᠠᠮᠢᠶᠠᠷᠤᠨ ᠡᠵᠡᠮᠳᠡᠨ᠎ᠡ᠃ RFID ᠵᠡᠷᠬᠡ ᠮᠡᠷᠬᠡᠵᠢᠯ  ᠎ ᠢ ᠬᠡᠷᠡᠭᠯᠡᠵᠤ᠂ ᠬᠡᠬᠡᠯᠳᠥᠬᠦᠯᠬᠡ ᠬᠢᠬᠦ᠂  ᠠᠷᠠᠴᠢᠯᠠᠨ ᠮᠠᠯᠵᠢᠬᠤ᠂  ᠬᠢᠵᠢᠭ  ᠰᠡᠷᠬᠡᠶᠢᠯᠡᠬᠦ᠂  ᠠᠯᠠᠵᠤ ᠨᠢᠳᠤᠯᠠᠬᠤ᠂  ᠨᠠᠷᠢᠯᠢᠭ  ᠡᠳ᠋ᠰᠢᠬᠦᠯᠥᠨ ᠪᠤᠯᠪᠠᠰᠤᠷᠠᠭᠤᠯᠬᠤ ᠵᠡᠷᠬᠡ ᠪᠥᠬᠦ ᠶᠠᠪᠤᠴᠠ ᠳᠤ ᠮᠥᠷᠳᠡᠨ ᠨᠡᠬᠡᠮᠵᠢᠯᠡᠵᠤ ᠬᠢᠨᠠᠨ ᠡᠵᠡᠮᠳᠡᠵᠤ᠂   ᠠᠷᠠᠴᠢᠯᠠᠨ ᠮᠠᠯᠵᠢᠬᠤ ᠠᠴᠠ ᠬᠤᠭᠤᠯᠠᠨ ᠰᠢᠷᠡᠬᠡᠨ ᠎ ᠳᠤ  ᠬᠥᠷᠳᠡᠯᠡᠬᠢ ᠪᠥᠬᠦ ᠶᠠᠪᠤᠴᠠ ᠳᠤ ᠳᠤᠭᠠᠴᠢᠯᠠᠭᠰᠠᠨ  ᠬᠢᠨᠡᠯᠳᠡ  ᠳᠠᠯᠪᠢᠵᠤ ᠶᠠᠰᠤ ᠴᠢᠨᠠᠷ ᠢ ᠮᠥᠷᠳᠡᠨ ᠨᠡᠬᠡᠮᠵᠢᠯᠡᠵᠤ ᠳᠡᠶᠢᠯᠬᠦ  ᠪᠤᠯᠭᠠᠨ᠎ᠠ᠃ ︵ᠭᠤᠷᠪᠠ︶  ᠪᠤᠬᠢᠷᠳᠤᠯ ᠥᠬᠡᠢ  ᠮᠠᠯ ᠤᠨ ᠠᠰᠢᠭ ᠰᠢᠮ᠎ᠡ ᠶᠢᠨ ᠪᠥᠲᠥᠬᠡᠭᠳᠡᠬᠦᠨ ᠢ ᠰᠢᠯᠭᠠᠨ ᠪᠠᠶᠢᠴᠠᠭᠠᠬᠤ ᠪᠠ ᠳᠥᠭᠰᠢᠬᠦᠷᠢ ᠶᠢ ᠵᠢᠱᠢᠨ ᠥᠨᠡᠯᠡᠬᠦ  ᠰᠢᠰᠲ᠋ᠧᠮ ᠢ ᠪᠠᠶᠢᠭᠤᠯᠤᠨ᠎ᠠ᠃  ᠡᠬᠢ ᠢᠷᠡᠯᠳᠡ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂  ᠭᠤᠷᠪᠠᠳᠤᠭᠴᠢ ᠡᠳᠡᠬᠡᠳ ᠠᠴᠠ ᠶᠠᠰᠤ ᠴᠢᠨᠠᠷ ᠢ ᠰᠢᠯᠭᠠᠨ ᠪᠠᠶᠢᠴᠠᠭᠠᠵᠤ  ᠬᠢᠨᠡᠨ ᠬᠡᠮᠵᠢᠬᠦ ᠲᠠᠪᠴᠠᠩ ᠪᠠᠶᠢᠭᠤᠯᠵᠤ᠂  ᠲᠠᠷᠢᠶᠠᠯᠠᠩ ᠤᠨ ᠭᠠᠷᠤᠯᠳᠠ ᠮᠠᠯ ᠤᠨ  ᠠᠰᠢᠭ ᠰᠢᠮ᠎ᠡ  ᠎ ᠶᠢᠨ ᠪᠥᠲᠥᠬᠡᠭᠳᠡᠬᠦᠨ ᠢ  ᠥᠢᠯᠡᠳᠪᠤᠷᠢᠯᠡᠬᠦ᠂  ᠬᠠᠳᠠᠭᠠᠯᠠᠬᠤ ᠵᠥᠬᠡᠬᠡᠪᠤᠷᠢᠯᠡᠬᠦ᠂  ᠪᠤᠷᠤᠯᠠᠭᠤᠯᠬᠤ ᠵᠢᠴᠢ ᠭᠠᠷᠤᠯᠳᠠ ᠶᠢᠨ ᠭᠠᠵᠠᠷ ᠤᠨ ᠤᠷᠴᠢᠨ ᠳᠤᠭᠤᠷᠢᠨ ᠤ ᠪᠥᠬᠦ ᠶᠠᠪᠤᠴᠠ  ᠎ ᠶᠢ ᠬᠢᠨᠠᠨ ᠡᠵᠡᠮᠳᠡᠵᠤ ᠰᠢᠯᠭᠠᠨ ᠪᠠᠶᠢᠴᠭᠠᠨ᠎ᠠ᠃ ᠰᠢᠯᠢ ᠶᠢᠨ ᠭᠤᠤᠯ ᠤᠯᠤᠰ ᠤᠨ ᠳᠡᠰ ᠤᠨ ᠤᠷᠤᠨ ᠪᠥᠰᠡ ᠶᠢᠨ ᠴᠢᠨᠠᠷᠳᠡᠢ ᠪᠤᠬᠢᠷᠳᠤᠯ ᠥᠬᠡᠢ ᠮᠠᠯ ᠤᠨ ᠠᠰᠢᠭ ᠰᠢᠮ᠎ᠡ ᠶᠢᠨ ᠪᠥᠲᠥᠬᠡᠭᠳᠡᠬᠦᠨ ᠢ ᠰᠢᠯᠭᠠᠨ ᠪᠠᠶᠢᠴᠠᠭᠠᠵᠤ  ᠬᠢᠨᠡᠨ ᠬᠡᠮᠵᠢᠬᠦ ᠪᠠ ᠳᠥᠭᠰᠢᠬᠦᠷᠢ ᠶᠢ ᠵᠢᠱᠢᠨ ᠥᠨᠡᠯᠡᠬᠦ ᠳᠥᠪ  ᠎ ᠲᠤ ᠳᠥᠰᠢᠭᠯᠡᠵᠤ᠂  ᠪᠡᠬᠡᠵᠢᠩ ᠬᠤᠳᠠ ᠶᠢᠨ ᠢᠳᠡᠬᠡᠨ ᠤ ᠠᠶᠤᠯᠬᠦᠢ  ᠎ ᠶᠢ  ᠬᠢᠨᠡᠨ ᠡᠵᠡᠮᠳᠡᠬᠦ ᠪᠠ  ᠳᠥᠭᠰᠢᠬᠦᠷᠢ ᠶᠢ ᠵᠢᠱᠢᠨ ᠥᠨᠡᠯᠡᠬᠦ ᠳᠥᠪ ᠲᠠᠢ  ᠬᠠᠮᠵᠢᠯᠴᠠᠭ᠎ᠠ ᠪᠠᠨ ᠬᠥᠨᠵᠡᠬᠡᠶᠢᠷᠡᠬᠦᠯᠵᠤ᠂   ᠥᠪᠥᠷ ᠮᠤᠩᠭᠤᠯ ᠤᠨ ᠵᠡᠬᠦᠨ ᠬᠡᠰᠡᠭ ᠭᠠᠵᠠᠷ ᠤᠷᠤᠨ ᠢ ᠨᠥᠯᠥᠬᠡᠯᠡᠵᠤ᠂  ᠪᠡᠬᠡᠵᠢᠩ ᠬᠤᠳᠠ ᠶᠢᠨ ᠮᠠᠯ ᠤᠨ ᠠᠰᠢᠭ ᠰᠢᠮ᠎ᠡ ᠶᠢᠨ ᠪᠥᠲᠥᠭᠡᠭᠳᠡᠬᠦᠨ ᠢ ᠰᠢᠯᠭᠠᠨ  ᠪᠠᠶᠢᠴᠠᠭᠠᠵᠤ ᠬᠢᠨᠠᠨ ᠬᠡᠮᠵᠢᠬᠦ ᠡᠬᠦᠷᠬᠡ ᠶᠢ ᠡᠬᠦᠷᠬᠡᠯᠡᠵᠤ᠂  ᠰᠢᠯᠢ ᠶᠢᠨ ᠭᠤᠤᠯ ᠠᠶᠢᠮᠠᠭ ᠤᠨ ᠪᠤᠬᠢᠷᠳᠤᠯ ᠥᠬᠡᠢ ᠳᠤᠮᠳᠠ ᠳᠡᠭᠡᠳᠤ ᠳᠡᠰ ᠤᠨ ᠮᠠᠯ  ᠎ ᠤᠨ ᠠᠰᠢᠭ ᠰᠢᠮ᠎ᠡ ᠶᠢᠨ ᠪᠥᠲᠥᠬᠡᠭᠳᠡᠬᠦᠨ ᠢᠶᠠᠷ ᠪᠡᠬᠡᠵᠢᠩ ᠲᠢᠶᠡᠨᠵᠢᠨ ᠾᠧᠪᠸᠢ ᠵᠢᠴᠢ ᠪᠥᠬᠦ ᠤᠯᠤᠰ ᠎ ᠤᠨ ᠵᠠᠬ᠎ᠠ ᠳᠡᠯᠬᠡᠬᠦᠷ᠂ ᠳᠡᠯᠡᠬᠡᠢ ᠶᠢᠨ ᠵᠠᠬ᠎ᠠ ᠳᠡᠯᠬᠡᠬᠦᠷ ᠢ ᠨᠡᠬᠡᠬᠡᠬᠦ ᠳᠤ ᠪᠠᠳᠤᠯᠠᠭ᠎ᠠ ᠬᠠᠩᠭᠠᠨ᠎ᠠ᠃   ︵ᠳᠥᠷᠪᠡ︶ ᠠᠵᠢᠯ  ᠲᠥᠷᠥᠯ ᠤᠨ ᠨᠡᠶᠢᠬᠡᠮᠯᠢᠭ ᠤᠨ ᠵᠤᠬᠢᠶᠠᠨ ᠪᠠᠶᠢᠭᠤᠯᠤᠯᠳᠠ ᠶᠢ ᠪᠠᠶᠢᠭᠤᠯᠤᠨ ᠪᠥᠷᠢᠨᠰᠢᠬᠦᠯᠥᠨ᠎ᠠ ᠃  ᠵᠠᠰᠠᠭ ᠤᠨ ᠤᠷᠳᠤᠨ  ᠵᠢᠯᠤᠭᠤᠳᠬᠤ᠂  ᠨᠡᠶᠢᠬᠡᠮᠴᠢᠯᠡᠭᠰᠡᠨ ᠠᠵᠢᠯᠯᠠᠯᠳᠠ ᠪᠠᠷ ᠳᠡᠮᠵᠢᠨ᠂  ᠳᠤᠯᠤᠭᠠᠶᠢᠯᠠᠭᠴᠢ ᠠᠵᠤ ᠠᠬᠤᠶᠢᠯᠠᠯ᠂  ᠮᠠᠯᠴᠢᠨ ᠲᠠᠷᠢᠶᠡᠴᠢᠨ ᠤ ᠬᠤᠷᠰᠢᠶᠡᠵᠢᠯ᠂   ᠰᠢᠯᠢᠳᠡᠭ ᠡᠬᠦᠯᠳᠡᠷ ᠤᠨ ᠥᠬᠡᠷ ᠮᠠᠯᠵᠢᠬᠤ ᠡᠷᠥᠬᠡ  ᠪᠤᠯᠤᠨ ᠠᠶᠢᠮᠠᠭ ᠤᠨ ᠳᠤᠳᠤᠷ᠎ᠠ ᠭᠠᠳᠠᠨᠠᠬᠢ ᠬᠤᠯᠪᠤᠭᠳᠠᠯ ᠪᠥᠬᠦᠢ ᠬᠥᠷᠢᠶ᠎ᠡ ᠬᠡᠪᠴᠢᠶᠡᠨ ᠤ ᠳᠤᠰᠬᠠᠢ ᠮᠡᠷᠬᠡᠵᠢᠯᠳᠡᠨ᠂  ᠡᠷᠳᠡᠮ ᠰᠢᠨᠵᠢᠯᠡᠬᠡᠨ ᠤ ᠪᠠᠶᠢᠭᠤᠯᠤᠮᠵᠢ ᠵᠡᠷᠬᠡ ᠶᠢ ᠵᠤᠬᠢᠶᠠᠨ  ᠪᠠᠶᠢᠭᠤᠯᠵᠤ᠂  ᠰᠢᠯᠢ ᠶᠢᠨ ᠭᠤᠤᠯ ᠠᠶᠢᠮᠠᠭ ᠤᠨ ᠰᠢᠯᠢᠳᠡᠭ ᠡᠬᠦᠯᠳᠡᠷ ᠤᠨ ᠥᠬᠡᠷ ᠮᠠᠯᠵᠢᠬᠤ ᠨᠡᠶᠢᠬᠡᠮᠯᠢᠭ ᠪᠠᠶᠢᠭᠤᠯᠵᠤ᠂  ᠠᠵᠢᠯ ᠲᠥᠷᠥᠯ ᠤᠨ ᠨᠡᠶᠢᠬᠡᠮᠯᠢᠭ ᠤᠨ ᠲᠥᠷᠥ ᠶᠢᠨ ᠪᠤᠳᠤᠯᠭ᠎ᠠ ᠶᠢ ᠤᠬᠠᠭᠤᠯᠬᠤ᠂  ᠠᠵᠢᠯ ᠲᠥᠷᠥᠯ ᠤᠨ ᠳᠤᠰ ᠪᠡᠶ᠎ᠡ ᠪᠠᠨ  ᠵᠠᠰᠠᠬᠤ᠂ ᠰᠢᠨᠵᠢᠯᠡᠬᠦ ᠤᠬᠠᠭᠠᠨᠴᠢ  ᠠᠷᠠᠴᠢᠯᠠᠭ᠎ᠠ ᠮᠠᠯᠵᠢᠯᠠᠭ᠎ᠠ ᠶᠢ ᠳᠥᠬᠡᠮᠡᠯᠵᠢᠬᠦᠯᠬᠦ᠂ ᠪᠠᠷᠢᠮᠵᠢᠶᠠᠵᠢᠭᠤᠯᠤᠨ ᠳᠡᠯᠬᠡᠷᠡᠬᠦᠯᠬᠦ᠂  ᠨᠡᠷᠡᠳᠤ ᠳᠡᠮᠳᠡᠭᠳᠤ  ᠎ ᠶᠢ ᠪᠤᠶᠢᠵᠢᠭᠤᠯᠤᠨ ᠬᠠᠮᠢᠶᠠᠷᠬᠤ᠂  ᠠᠰᠢᠭ ᠳᠤᠰᠠ ᠶᠢᠨ  ᠬᠤᠯᠪᠤᠭᠠᠳᠤ ᠳᠤᠭᠳᠠᠴᠠ ᠶᠢᠨ ᠪᠠᠶᠢᠭᠤᠯᠤᠯᠳᠠ ᠵᠡᠷᠬᠡ ᠳᠠᠯ᠎ᠠ ᠪᠠᠷ ᠬᠢ ᠢᠳᠡᠪᠬᠢ ᠥᠢᠯᠡᠳᠤᠯ ᠢ ᠬᠥᠢᠴᠡᠳ ᠪᠠᠳᠠᠷᠠᠭᠤᠯᠤᠨ᠎ᠠ᠃          ᠳᠤᠯᠤᠭ᠎ᠠ᠂   ᠪᠡᠯᠡ ᠤᠷᠤᠭᠤᠯᠤᠯᠳᠠ ᠶᠢᠨ ᠳᠥᠰᠥᠪᠯᠡᠯᠳᠡ ︵ᠨᠢᠬᠡ︶ ᠪᠥᠲᠥᠬᠡᠨ ᠪᠠᠶᠢᠭᠤᠯᠤᠯᠳᠠ ᠶᠢᠨ ᠠᠭᠤᠯᠭ᠎ᠠ ᠬᠢᠬᠡᠳ ᠪᠡᠯᠡ ᠤᠷᠤᠭᠤᠯᠤᠯᠳᠠ1.  ᠰᠢᠯᠢᠳᠡᠭ ᠡᠬᠦᠯᠳᠡᠷ ᠤᠨ ᠥᠬᠡᠷ ᠤᠷᠤᠭᠤᠯᠬᠤ᠄  2016 --2018 ᠤᠨ ᠳᠤ 10 ᠳᠥᠮᠡ ᠤᠷᠤᠭᠤᠯᠤᠨ᠎ᠠ ᠂  ᠳᠡᠭᠰᠢᠳᠬᠡᠬᠡᠳ ᠨᠢᠬᠡ ᠨᠢ 1.7 ᠳᠥᠮᠡᠨ ᠳᠥᠬᠦᠷᠢᠭ᠂  ᠨᠡᠶᠢᠳᠡ17 ᠳ᠋ᠥᠩᠰᠢᠭᠤᠷ ᠳᠥᠬᠦᠷᠢᠭ  ᠪᠡᠯᠡ ᠤᠷᠤᠭᠤᠯᠤᠨ᠎ᠠ᠃ 2. ᠲᠡᠵᠢᠬᠡᠯ ᠡᠪᠡᠰᠤ ᠪᠤᠷᠳᠤᠭᠠᠨ ᠤ ᠰᠠᠭᠤᠷᠢᠨ ᠭᠠᠵᠠᠷ ᠤᠨ  ᠪᠥᠲᠥᠬᠡᠨ ᠪᠠᠶᠢᠭᠤᠯᠤᠯᠳᠠ᠄  ᠲᠡᠵᠢᠬᠡᠯ  ᠪᠤᠷᠳᠤᠭ᠎ᠠ ᠪᠤᠯᠪᠠᠰᠤᠷᠠᠭᠤᠯᠬᠤ ᠥᠢᠯᠡᠳᠪᠤᠷᠢ 5  ᠎ ᠶᠢ ᠰᠢᠨ᠎ᠡ ᠪᠠᠷ ᠪᠠᠶᠢᠭᠤᠯᠤᠨ᠎ᠠ᠂  ᠨᠢᠬᠡ  ᠎ ᠶᠢ 1200 ᠳᠥᠮᠡᠨ ᠳᠥᠬᠦᠷᠢᠭ  ᠎ ᠢᠶᠠᠷ ᠪᠤᠳᠤᠪᠠᠯ ᠨᠡᠶᠢᠳᠡ6000 ᠳᠥᠮᠡᠨ ᠳᠥᠬᠦᠷᠢᠭ ᠪᠡᠯᠡ ᠤᠷᠤᠭᠤᠯᠤᠨ᠎ᠠ  ︔  ᠥᠨᠳᠥᠷ ᠤᠨᠡᠯᠳᠡ ᠲᠠᠢ ᠲᠡᠵᠢᠬᠡᠯ ᠪᠤᠷᠳᠤᠭᠠᠨ ᠤ ᠭᠠᠵᠠᠷ 58 ᠳᠥᠮᠡᠨ ᠮᠤ᠋ ᠰᠢᠨ᠎ᠡ ᠪᠠᠷ  ᠪᠠᠶᠢᠭᠤᠯᠤᠨ᠎ᠠ᠂  ᠮᠤ᠋ ᠪᠥᠷᠢ 1200 ᠳᠥᠬᠦᠷᠢᠭ ᠢᠶᠠᠷ ᠪᠤᠳᠤᠪᠠᠯ ᠨᠡᠶᠢᠳᠡ 6.96  ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ︔  ᠪᠠᠶᠢᠭᠠᠯᠢᠯᠢᠭ ᠬᠠᠳᠤᠯᠠᠩ ᠢ 1000  ᠳᠥᠮᠡᠨ‌ᠮᠤ ᠪᠠᠶᠢᠭᠤᠯᠤᠨ᠎ᠠ᠂ ᠮᠤ᠋ ᠪᠥᠷᠢ ᠶᠢ 50 ᠳᠥᠬᠦᠷᠢᠭ ᠢᠶᠠᠷ ᠪᠤᠳᠤᠪᠠᠯ  ᠨᠡᠶᠢᠳᠡ 5 ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ᠂  ᠶᠡᠷᠥᠩᠬᠡᠢ ᠪᠡᠯᠡ ᠤᠷᠤᠭᠤᠯᠤᠯᠳᠠ 12.56 ᠳ᠋ᠥᠩᠰᠢᠭᠤᠷ ᠳᠥᠬᠦᠷᠢᠭ ᠪᠤᠯᠤᠨ᠎ᠠ 3.  ᠰᠢᠷᠤᠢ ᠮᠤᠳᠤᠨ ᠪᠠᠷᠢᠯᠭ᠎ᠠ᠄  ᠪᠠᠷᠢᠮᠵᠢᠶᠠᠵᠢᠭᠰᠠᠨ ᠬᠤᠷᠤᠭ᠎ᠠ ᠬᠠᠰᠢᠶ᠎ᠡ 160 ᠳᠥᠮᠡᠨ ᠬᠠᠪᠳᠠᠭᠠᠢ ᠳᠥᠷᠪᠡᠯᠵᠢᠨ ᠮᠧᠲᠷ᠂  ᠪᠤᠷᠳᠤᠨ ᠲᠠᠷᠭᠤᠯᠠᠭᠤᠯᠬᠤ  ᠬᠤᠷᠤᠭ᠎ᠠ ᠬᠠᠰᠢᠶ᠎ᠡ 175 ᠳᠥᠮᠡᠨ ᠬᠠᠪᠳᠠᠭᠠᠢ ᠳᠥᠷᠪᠡᠯᠵᠢᠨ ᠮᠧᠲᠷ  ᠰᠢᠨ᠎ᠡ ᠪᠠᠷ ᠪᠠᠶᠢᠭᠤᠯᠤᠨ᠎ᠠ᠂  ᠨᠢᠬᠡ ᠬᠠᠪᠳᠠᠭᠠᠢ ᠳᠥᠷᠪᠡᠯᠵᠢᠨ ᠮᠧᠲᠷ ᠢ ᠨᠢ 800 ᠳᠥᠬᠦᠷᠢᠭ ᠢᠶᠠᠷ ᠪᠤᠳᠤᠪᠠᠯ ᠨᠡᠶᠢᠳᠡ 26.8 ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ︔  ᠡᠪᠡᠰᠤᠨ ᠬᠤᠷᠤᠭ᠎ᠠ 200 ᠳᠥᠮᠡᠨ ᠬᠠᠪᠳᠠᠭᠠᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠤᠨ᠎ᠠ᠂  ᠨᠢᠬᠡ ᠬᠠᠪᠳᠠᠭᠠᠢ ᠳᠥᠷᠪᠡᠯᠵᠢᠨ ᠮᠧᠲᠷ ᠢ ᠎ ᠨᠢ 400 ᠳᠥᠬᠦᠷᠢᠭ ᠢᠶᠠᠷ ᠪᠤᠳᠤᠪᠠᠯ ᠨᠡᠶᠢᠳᠡ 8  ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ  ︔  ᠲᠡᠵᠢᠬᠡᠯ ᠡᠪᠡᠰᠤ ᠪᠤᠷᠳᠤᠭ᠎ᠠ ᠪᠤᠯᠪᠠᠰᠤᠷᠠᠭᠤᠯᠬᠤ ᠪᠠ ᠬᠠᠳᠠᠭᠠᠯᠠᠬᠤ ᠬᠥᠮᠥᠷᠬᠡ 34 ᠳᠥᠮᠡᠨ ᠬᠠᠪᠳᠠᠭᠠᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠤᠨ᠎ᠠ᠂  ᠨᠢᠬᠡ ᠬᠠᠪᠳᠠᠭᠠᠢ ᠳᠥᠷᠪᠡᠯᠵᠢᠨ‌ᠮᠧᠲᠷ ᠢ ᠨᠢ 800 ᠳᠥᠬᠦᠷᠢᠭ ᠢᠶᠠᠷ ᠪᠤᠳᠤᠪᠠᠯ ᠨᠡᠶᠢᠳᠡ 2.72 ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ  ︔ ᠨᠤᠭᠤᠭᠠᠨ ᠳᠠᠷᠤᠰᠢ ᠶᠢᠨ ᠵᠤᠭᠤᠷᠢ 500 ᠳᠥᠮᠡᠨ ᠪᠤᠰᠤᠭ᠎ᠠ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠤᠨ᠎ᠠ᠂  ᠨᠢᠬᠡ  ᠪᠤᠰᠤᠭ᠎ᠠ ᠳᠥᠷᠪᠡᠯᠵᠢᠨ ᠮᠧᠲᠷ ᠢ ᠨᠢ 120 ᠳᠥᠬᠦᠷᠢᠭ ᠢᠶᠠᠷ ᠪᠤᠳᠤᠪᠠᠯ ᠨᠡᠶᠢᠳᠡ 6 ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ  ︔ ᠥᠬᠦᠭᠰᠡᠨ ᠮᠠᠯ ᠎ ᠢ ᠪᠤᠬᠢᠷᠳᠤᠯ ᠥᠬᠡᠢ ᠰᠢᠢᠳᠪᠤᠷᠢᠯᠡᠬᠦ ᠥᠷᠳᠡᠭᠡ 200᠎ ᠶᠢ ᠰᠢᠨ᠎ᠡ ᠪᠠᠷ ᠪᠠᠶᠢᠭᠤᠯᠤᠨ᠎ᠠ᠂  ᠨᠢᠬᠡ ᠨᠢ 20 ᠳᠥᠮᠡᠨ ᠳᠥᠬᠦᠷᠢᠭ ᠢᠶᠠᠷ ᠪᠤᠳᠤᠪᠠᠯ᠂  ᠨᠡᠶᠢᠳᠡ 0.4  ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ  ᠂  ᠶᠡᠷᠥᠩᠬᠡᠢ ᠪᠡᠯᠡ ᠤᠷᠤᠭᠤᠯᠤᠯᠳᠠ ᠨᠢ ᠨᠡᠶᠢᠳᠡ 43.92 ᠳ᠋ᠥᠩᠰᠢᠭᠤᠷ ᠳᠥᠬᠦᠷᠢᠭ ᠪᠤᠯᠤᠨ᠎ᠠ᠃ 4.  ᠨᠠᠷᠢᠯᠢᠭ ᠡᠳ᠋ᠰᠢᠬᠦᠯᠥᠨ ᠪᠤᠯᠪᠠᠰᠤᠷᠠᠭᠤᠯᠬᠤ ᠥᠢᠯᠡᠳᠪᠤᠷᠢ᠄ ᠶᠡᠷᠥᠩᠬᠡᠢ ᠪᠤᠯᠪᠠᠰᠤᠷᠠᠭᠤᠯᠬᠤ ᠴᠢᠳᠠᠪᠤᠷᠢ ᠨᠢ 100 ᠳᠥᠮᠡᠨ ᠳᠤᠯᠤᠭᠠᠢ ᠠᠴᠠ ᠳᠡᠭᠡᠭᠰᠢ ᠥᠢᠯᠡᠳᠪᠤᠷᠢᠯᠡᠯ ᠤᠨ ᠱᠤᠭᠤᠮ ᠢ 5 ᠪᠠᠶᠢᠭᠤᠯᠤᠨ᠎ᠠ᠂  ᠨᠡᠶᠢᠳᠡ 30  ᠳ᠋ᠥᠩᠰᠢᠭᠤᠷ ᠪᠡᠯᠡ ᠤᠷᠤᠭᠤᠯᠤᠨ᠎ᠠ᠃ 5. 35 ᠳᠥᠮᠡᠨ ᠳᠤᠨ ᠰᠢᠨ᠎ᠡ ᠰᠤᠷᠭᠤᠭ  ᠮᠢᠬᠠᠨ ᠤ  ᠬᠥᠯᠳᠡᠬᠦᠥ  ᠬᠡᠯᠬᠢᠶ᠎ᠠ ᠶᠢᠨ ᠪᠤᠳᠠᠰ ᠤᠨ ᠬᠥᠢᠯᠬᠡᠬᠡᠨ ᠤ  ᠰᠢᠰᠲ᠋ᠧᠮ ᠢ  ᠪᠠᠶᠢᠭᠤᠯᠤᠨ᠎ᠠ᠄  3 ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ᠃ 6. ᠥᠢᠯᠡᠴᠢᠯᠡᠬᠡᠨ ᠤ ᠰᠢᠰᠲ᠋ᠧᠮ ᠤᠨ ᠪᠥᠲᠥᠬᠡᠨ ᠪᠠᠶᠢᠭᠤᠯᠤᠯᠳᠠ᠄  ᠰᠢᠯᠢ ᠶᠢᠨ ᠭᠤᠤᠯ  ᠎ ᠤᠨ ᠥᠬᠡᠷ ᠬᠤᠨᠢᠨ ᠮᠢᠬᠠᠨ ᠤ ᠠᠷᠠᠯᠵᠢᠶᠠᠨ ᠤ ᠳᠥᠪ ᠪᠠᠶᠢᠭᠤᠯᠬᠤ ᠳᠤ 10 ᠳ᠋ᠥᠩᠰᠢᠭᠤᠷ ᠳᠥᠬᠦᠷᠢᠭ ᠪᠡᠯᠡ ᠤᠷᠤᠭᠤᠯᠵᠤ᠂  ᠰᠢᠯᠢ ᠎ ᠶᠢᠨ ᠭᠤᠤᠯ ᠤᠨ ᠢᠳᠡᠬᠡᠨ ᠤ ᠵᠥᠢᠯ ᠢ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠪᠠ ᠳᠥᠭᠰᠢᠬᠦᠷᠢ ᠶᠢ ᠥᠨᠡᠯᠡᠬᠦ ᠳᠥᠪ ᠪᠠᠶᠢᠭᠤᠯᠬᠤ ᠳᠤ 0.6 ᠳ᠋ᠥᠩᠰᠢᠭᠤᠷ ᠳᠥᠬᠦᠷᠢᠭ ᠪᠡᠯᠡ ᠤᠷᠤᠭᠤᠯᠵᠤ᠂  ᠤᠶᠤᠨᠳᠤ ᠮᠠᠯ ᠠᠵᠤ ᠠᠬᠤᠢ ᠲᠠᠷᠢᠶᠠᠯᠠᠩ ᠎ ᠤᠨ ᠥᠢᠯᠡᠴᠢᠯᠡᠬᠡᠨ ᠤ  ᠢᠨᠵᠧᠨᠧᠷᠢᠩ  ᠎ ᠤᠨ ᠪᠠᠶᠢᠭᠤᠯᠤᠯᠳᠠ ᠪᠤᠯᠤᠨ ᠠᠵᠤ ᠥᠢᠯᠡᠰ ᠤᠨ ᠪᠥᠬᠦ ᠬᠡᠯᠬᠢᠶᠠᠰᠤ ᠶᠢᠨ ᠶᠠᠰᠤ ᠴᠢᠨᠠᠷ ᠢ ᠮᠥᠷᠳᠡᠨ ᠨᠡᠬᠡᠮᠵᠢᠯᠡᠬᠦ ᠰᠢᠰᠲ᠋ᠧᠮ ᠤᠨ ᠪᠠᠶᠢᠭᠤᠯᠤᠯᠳᠠ ᠳᠤ 2.8 ᠳ᠋ᠥᠩᠰᠢᠭᠤᠷ ᠳᠥᠬᠦᠷᠢᠭ  ᠪᠡᠯᠡ ᠤᠷᠤᠭᠤᠯᠵᠤ᠂  ᠶᠡᠷᠥᠩᠬᠡᠢ ᠪᠡᠯᠡ ᠤᠷᠤᠭᠤᠯᠤᠯᠳᠠ ᠨᠡᠶᠢᠳᠡ 13.4  ᠳ᠋ᠥᠩᠰᠢᠭᠤᠷ ᠳᠥᠬᠦᠷᠢᠭ ᠪᠤᠯᠤᠨ᠎ᠠ᠃ 7.  ᠢᠵᠢ ᠪᠥᠷᠢᠳᠥᠭᠰᠡᠨ ᠮᠠᠰᠢᠨ  ᠳᠥᠬᠦᠬᠡᠷᠥᠮᠵᠢ ᠬᠤᠳᠠᠯᠳᠤᠨ ᠠᠪᠬᠤ᠄  ᠲᠡᠵᠢᠬᠡᠯ ᠡᠪᠡᠰᠤ ᠪᠤᠷᠳᠤᠭ᠎ᠠ ᠬᠠᠳᠤᠵᠤ ᠬᠤᠷᠢᠶᠠᠬᠤ ᠮᠠᠰᠢᠨ 300 ᠰᠠᠤᠷᠢ ︵ᠢᠵᠢ︶᠂ 2.4 ᠳ᠋ᠥᠩᠰᠢᠭᠤᠷ ᠳᠥᠬᠦᠷᠢᠭ  ︔ ᠮᠠᠯᠵᠢᠯ ᠤᠨ  ᠲᠠᠯᠠᠪᠠᠢ ᠶᠢᠨ  ᠢᠵᠢ ᠪᠥᠷᠢᠳᠥᠭᠰᠡᠨ  ᠮᠠᠰᠢᠨ 11020 ᠰᠠᠤᠷᠢ ︵ᠢᠵᠢ︶ 15.4 ᠳ᠋ᠥᠩᠰᠢᠭᠤᠷ ᠳᠥᠬᠦᠷᠢᠭ︔  ᠪᠤᠷᠳᠤᠨ ᠲᠠᠷᠭᠤᠯᠠᠭᠤᠯᠬᠤ ᠲᠠᠯᠠᠪᠠᠢ ᠶᠢᠨ ᠢᠵᠢ ᠪᠥᠷᠢᠳᠥᠭᠰᠡᠨ ᠮᠠᠰᠢᠨ 410 ᠰᠠᠤᠷᠢ ︵ᠢᠵᠢ  ︶᠂ 3.3 ᠳ᠋ᠥᠩᠰᠢᠭᠤᠷ ᠳᠥᠬᠦᠷᠢᠭ᠂  ᠶᠡᠷᠥᠩᠬᠡᠢ ᠪᠡᠯᠡ ᠤᠷᠤᠭᠤᠯᠤᠯᠳᠠ ᠨᠡᠶᠢᠳᠡ 21.1  ᠳ᠋ᠥᠩᠰᠢᠭᠤᠷ ᠳᠥᠬᠦᠷᠢᠭ ᠪᠤᠯᠤᠨ᠎ᠠ᠃ 8.  ᠢᠵᠢ ᠪᠥᠷᠢᠳᠥᠭᠰᠡᠨ ᠪᠥᠲᠥᠬᠡᠨ ᠪᠠᠶᠢᠭᠤᠯᠤᠯᠳᠠ᠄  ᠠᠯᠠᠰᠢᠨ ᠥᠬᠡᠷ ᠤᠨ ᠠᠷᠠᠯᠵᠢᠶᠡᠨ ᠤ ᠵᠠᠬ᠎ᠠ ᠳᠡᠯᠬᠡᠬᠦᠷ 5 ᠎ ᠶᠢ ᠰᠢᠨ᠎ᠡ ᠪᠠᠷ ᠪᠠᠶᠢᠭᠤᠯᠤᠨ᠎ᠠ  ᠂ ᠨᠢᠬᠡ ᠨᠢ 1000 ᠳᠥᠮᠡᠨ ᠳᠥᠬᠦᠷᠢᠭ  ᠎ ᠢᠶᠠᠷ ᠪᠤᠳᠤᠪᠠᠯ᠂  ᠨᠡᠶᠢᠳᠡ 0.5 ᠳ᠋ᠥᠩᠰᠢᠭᠤᠷ ᠳᠥᠬᠦᠷᠢᠭ ᠪᠡᠯᠡ  ᠤᠷᠤᠭᠤᠯᠤᠨ᠎ᠠ︔  ᠠᠷᠭᠠᠯ ᠢ ᠪᠤᠬᠢᠷᠳᠤᠯ ᠥᠬᠡᠢ ᠰᠢᠢᠳᠪᠤᠷᠢᠯᠡᠬᠦ   ᠪᠠᠷᠢᠯᠭ᠎ᠠ 12  ᠎ ᠶᠢ ᠰᠢᠨ᠎ᠡ ᠪᠠᠷ ᠪᠠᠶᠢᠭᠤᠯᠵᠤ᠂ 3  ᠳ᠋ᠥᠩᠰᠢᠭᠤᠷ ᠳᠥᠬᠦᠷᠢᠭ  ᠪᠡᠯᠡ‌ᠤᠷᠤᠭᠤᠯᠤᠨ᠎ᠠ᠂ ᠶᠡᠷᠥᠩᠬᠡᠢ ᠪᠡᠯᠡ ᠤᠷᠤᠭᠤᠯᠤᠯᠳᠠ ᠨᠡᠶᠢᠳᠡ3.5 ᠳ᠋ᠥᠩᠰᠢᠭᠤᠷ ᠳᠥᠬᠦᠷᠢᠭ ᠪᠤᠯᠤᠨ᠎ᠠ᠃ 9.  ᠮᠠᠯᠴᠢᠨ ᠳᠠᠷᠢᠶᠠᠴᠢᠨ ᠤ ᠬᠡᠷᠡᠭᠯᠡᠬᠡᠨ ᠤ ᠮᠡᠷᠬᠡᠵᠢᠯ ᠤᠨ ᠪᠤᠯᠪᠠᠰᠤᠷᠠᠯ᠄  ᠵᠢᠯ ᠪᠥᠷᠢ 600 ᠳᠥᠮᠡᠨ ᠳᠥᠬᠦᠷᠢᠭ  ᠎ ᠢᠶᠠᠷ ᠪᠤᠳᠤᠪᠠᠯ᠂  ᠳᠠᠪᠤᠨ ᠵᠢᠯ ᠳᠤ 0.3 ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ᠃ 10.  ᠰᠢᠯᠢ ᠶᠢᠨ ᠭᠤᠤᠯ ᠤᠨ ᠰᠢᠯᠢᠳᠡᠭ ᠡᠬᠦᠯᠳᠡᠷ ᠤᠨ ᠥᠬᠡᠷ  ᠎ ᠤᠨ ᠰᠢᠨ᠎ᠡ  ᠡᠬᠦᠯᠳᠡᠷ ᠢ ᠰᠤᠩᠭᠤᠨ ᠪᠤᠶᠢᠵᠢᠭᠤᠯᠬᠤ ᠢᠨᠵᠧᠨᠧᠷᠢᠩ᠄  ᠵᠢᠯ ᠳᠤ 600 ᠳᠥᠮᠡᠨ ᠳᠥᠬᠦᠷᠢᠭ ᠢᠶᠠᠷ ᠪᠤᠳᠤᠪᠠᠯ᠂  ᠳᠠᠪᠤᠨ ᠵᠢᠯ ᠳᠤ 0.3 ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ᠃ 11.  ᠵᠠᠰᠠᠭ ᠤᠨ ᠤᠷᠳᠤᠨ ᠥᠢᠯᠡᠴᠢᠯᠡᠭᠡ ᠬᠤᠳᠠᠯᠳᠤᠨ ᠠᠪᠬᠤ᠄ 2  ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ᠃ ᠳᠡᠭᠡᠷ᠎ᠡ ᠳᠤᠷᠠᠳᠤᠭᠰᠠᠨ ᠢ ᠪᠠᠭᠴᠠᠯᠡᠪᠡᠯ᠂ ᠲᠥᠷᠥᠯ ᠵᠥᠢᠯ ᠳᠤ ᠪᠠᠷᠤᠭ 247  ᠳ᠋ᠥᠩᠰᠢᠭᠤᠷ ᠳᠥᠬᠦᠷᠢᠭ ᠪᠡᠯᠡ ᠤᠷᠤᠭᠤᠯᠤᠨ᠎ᠠ᠃  ᠡᠬᠦᠨ ᠤ ᠳᠤᠳᠤᠷ᠎ᠠ᠄ ᠳᠤᠭᠳᠠᠮᠠᠯ ᠬᠥᠷᠥᠩᠬᠡ᠂  ᠰᠠᠶᠢᠨ ᠡᠬᠦᠯᠳᠡᠷ  ᠎ ᠢ ᠤᠷᠤᠭᠤᠯᠬᠤ᠂  ᠪᠤᠯᠪᠠᠰᠤᠷᠠᠯ  ᠵᠡᠷᠬᠡ ᠳᠤ 147  ᠳ᠋ᠥᠩᠰᠢᠭᠤᠷ ᠳᠥᠬᠦᠷᠢᠭ ᠪᠡᠯᠡ ᠤᠷᠤᠭᠤᠯᠵᠤ᠂  ᠠᠷᠠᠴᠢᠯᠠᠨ ᠮᠠᠯᠵᠢᠬᠤ᠂  ᠪᠤᠷᠳᠤᠨ ᠲᠠᠷᠭᠤᠯᠠᠭᠤᠯᠬᠤ᠂  ᠡᠳ᠋ᠰᠢᠬᠦᠯᠥᠨ ᠪᠤᠯᠪᠠᠰᠤᠷᠠᠭᠤᠯᠬᠤ ᠭᠤᠭᠴᠤᠭᠠᠨ ᠳᠤ   ᠬᠥᠳᠡᠯᠥᠩᠬᠦᠢ ᠪᠡᠯᠡ ᠮᠥᠩᠬᠦ  100  ᠳ᠋ᠥᠩᠰᠢᠭᠤᠷ ᠳᠥᠬᠦᠷᠢᠭ  ᠪᠠᠶᠢᠬᠤ ᠴᠢᠬᠤᠯᠠ  ᠎ ᠲᠠᠢ ᠪᠤᠯᠤᠨ᠎ᠠ᠃ ︵ᠬᠤᠶᠠᠷ︶ ᠪᠡᠯᠡ ᠮᠥᠩᠬᠦ ᠶᠢᠨ ᠢᠷᠠᠯᠳᠡ1. ᠡᠳ᠋ ᠤᠨ ᠵᠠᠰᠠᠭ ᠤᠨ ᠪᠡᠯᠡ ᠮᠥᠩᠬᠦ᠄ ᠳᠠᠪᠤᠨ ᠵᠢᠯ ᠳᠤ ᠡᠳ᠋ ᠤᠨ ᠵᠠᠰᠠᠭ ᠠᠴᠠ ᠨᠡᠶᠢᠳᠡ 45 ᠳ᠋ᠥᠩᠰᠢᠭᠤᠷ ᠳᠥᠬᠦᠷᠢᠭ ᠪᠡᠯᠡ ᠤᠷᠤᠭᠤᠯᠵᠤ᠂  ᠡᠬᠦᠨ ᠤ ᠳᠤᠳᠤᠷ᠎ᠠ᠄  ᠵᠢᠯ ᠪᠥᠷᠢ ᠤᠯᠤᠰ᠂  ᠥᠪᠡᠷᠳᠡᠬᠡᠨ ᠵᠠᠰᠠᠬᠤ ᠤᠷᠤᠨ ᠤ ᠳᠤᠰᠬᠠᠢ ᠲᠥᠷᠥᠯ ᠤᠨ ᠪᠠᠯᠡ ᠮᠥᠩᠬᠦ  3  ᠳ᠋ᠥᠩᠰᠢᠭᠤᠷ ᠳᠥᠬᠦᠷᠢᠭ  ᠂ ᠳᠠᠪᠤᠨ ᠵᠢᠯ ᠳᠤ ᠨᠡᠶᠢᠳᠡ 15 ᠳ᠋ᠥᠩᠰᠢᠭᠤᠷ ᠳᠥᠬᠦᠷᠢᠭ  ᠬᠥᠴᠥᠯᠡᠨ ᠤᠯᠤᠨ᠎ᠠ︔  ᠠᠶᠢᠮᠠᠭ ᠤᠨ ᠳᠤᠰ ᠱᠠᠳᠤᠨ ᠤ ᠡᠳ᠋ ᠤᠨ ᠵᠠᠰᠠᠭ ᠵᠢᠯ ᠪᠥᠷᠢ 3 ᠳ᠋ᠥᠩᠰᠢᠭᠤᠷ ᠳᠥᠬᠦᠷᠢᠭ᠂ ᠳᠠᠪᠤᠨ ᠵᠢᠯ ᠳᠤ ᠨᠡᠶᠢᠳᠡ 15 ᠳ᠋ᠥᠩᠰᠢᠭᠤᠷ ᠳᠥᠬᠦᠷᠢᠭ  ᠪᠡᠯᠡ ᠤᠷᠤᠭᠤᠯᠤᠨ᠎ᠠ︔  ᠬᠤᠰᠢᠭᠤ ᠰᠢᠶᠡᠨ ᠱᠠᠳᠤᠨ ᠤ ᠡᠳ᠋ ᠤᠨ ᠵᠠᠰᠠᠭ ᠵᠢᠯ ᠪᠥᠷᠢ 3 ᠳ᠋ᠥᠩᠰᠢᠭᠤᠷ ᠳᠥᠬᠦᠷᠢᠭ᠂  ᠳᠠᠪᠤᠨ ᠵᠢᠯ ᠳᠤ ᠨᠡᠶᠢᠳᠡ 15 ᠳ᠋ᠥᠩᠰᠢᠭᠤᠷ ᠳᠥᠬᠦᠷᠢᠭ  ᠪᠡᠯᠡ ᠤᠷᠤᠭᠤᠯᠤᠨ᠎ᠠ᠃2. ᠮᠥᠩᠬᠦᠨ ᠬᠥᠢᠯᠬᠡᠬᠡᠨ ᠤ ᠳᠡᠮᠵᠢᠯᠬᠡ᠄  ᠲᠠᠪᠤᠨ ᠵᠢᠯ ᠳᠤ ᠨᠡᠶᠢᠳᠡ100 ᠳ᠋ᠥᠩᠰᠢᠭᠤᠷ ᠳᠥᠬᠦᠷᠢᠭ᠂  ᠭᠤᠤᠯ ᠎ ᠨᠢ ᠬᠥᠳᠡᠯᠥᠩᠬᠦᠢ ᠪᠡᠯᠡ ᠮᠥᠩᠬᠦ  ᠎ ᠶᠢ  ᠰᠢᠢᠳᠪᠤᠷᠢᠯᠡᠨ᠎ᠡ᠃3.  ᠨᠡᠶᠢᠬᠡᠮ ᠤᠨ ᠪᠡᠯᠡ ᠮᠥᠩᠬᠦ᠄  ᠡᠳ᠋ ᠤᠨ ᠵᠠᠰᠠᠭ ᠤᠨ ᠪᠡᠯᠡ  ᠮᠥᠩᠬᠦ ᠪᠠᠷ ᠬᠥᠳᠥᠯᠥᠨ ᠵᠢᠯᠤᠭᠤᠳᠬᠤ ᠪᠠ ᠪᠡᠩᠬᠢ ᠶᠢᠨ ᠵᠢᠬᠡᠯᠡᠯᠬᠡ ᠪᠠᠷ ᠬᠥᠰᠢᠬᠦᠷ ᠪᠤᠯᠭᠠᠵᠤ᠂  ᠨᠡᠶᠢᠬᠡᠮ ᠤᠨ ᠪᠡᠯᠡ  ᠮᠥᠩᠬᠦ 102  ᠳ᠋ᠥᠩᠰᠢᠭᠤᠷ ᠳᠥᠬᠦᠷᠢᠭ ᠳᠡᠳᠠᠨ ᠤᠷᠤᠭᠤᠯᠤᠨ᠎ᠠ᠃ ᠨᠡᠶᠮᠡ᠂  ᠥᠷ᠎ᠡ ᠠᠰᠢᠭ ᠤᠨ ᠵᠠᠳᠠᠯᠤᠯᠳᠠ ︵ᠨᠢᠬᠡ︶ ᠠᠵᠤ ᠠᠬᠤᠢ ᠶᠢᠨ ᠥᠷ᠎ᠡ ᠠᠰᠢᠭ2020 ᠤᠨ ᠪᠤᠯᠳᠠᠯ᠎ᠠ᠂  ᠪᠥᠬᠦ ᠠᠶᠢᠮᠠᠭ ᠤᠨ ᠮᠠᠯᠵᠢᠯ ᠤᠨ ᠤᠨ ᠤ ᠰᠢᠯᠢᠳᠡᠭ ᠡᠬᠦᠯᠳᠡᠷ ᠤᠨ ᠥᠬᠡᠷ  300 ᠳᠥᠮᠨ ᠠᠴᠠ ᠳᠡᠭᠡᠭᠰᠢ ᠪᠤᠯᠵᠤ᠂  ᠵᠢᠯ ᠳᠤ100 ᠳᠥᠮᠡ  ᠪᠤᠷᠳᠤᠨ ᠲᠠᠷᠭᠤᠯᠠᠭᠤᠯᠵᠤ ᠵᠠᠷᠤᠴᠠᠭᠤᠯᠤᠨ᠂   ᠥᠬᠡᠷ  ᠮᠠᠯᠵᠢᠬᠤ ᠠᠵᠤ ᠥᠢᠯᠡᠰ ᠤᠨ ᠶᠡᠷᠥᠩᠬᠡᠢ ᠥᠢᠯᠡᠳᠬᠦᠨ ᠤ ᠥᠷᠳᠡᠭ 600 ᠳ᠋ᠥᠩᠰᠢᠭᠤᠷ ᠳᠥᠬᠦᠷᠢᠭ ᠲᠤ  ᠬᠥᠷᠴᠥ ᠂  ᠨᠡᠮᠡᠭᠳᠡᠯ ᠥᠷᠳᠡᠭ 300 ᠳ᠋ᠥᠩᠰᠢᠭᠤᠷ ᠳᠥᠬᠦᠷᠢᠭ ᠲᠤ ᠬᠥᠷᠥᠨ᠎ᠡ᠂  ᠡᠬᠦᠨ ᠤ ᠳᠤᠳᠤᠷ᠎ᠠ᠄  ᠨᠢᠬᠡᠳᠥᠬᠡᠷ ᠠᠵᠤ ᠥᠢᠯᠡᠰ ᠤᠨ ᠥᠢᠯᠡᠳᠬᠦᠨ ᠤ ᠥᠷᠳᠡᠭ 180 ᠳ᠋ᠥᠩᠰᠢᠭᠤᠷ ᠳᠥᠬᠦᠷᠢᠭ  ᠂  ᠨᠡᠮᠡᠭᠳᠡᠯ ᠥᠷᠳᠡᠭ 90 ᠳ᠋ᠥᠩᠰᠢᠭᠤᠷ ᠳᠥᠬᠦᠷᠢᠭ  ︔  ᠬᠤᠶᠠᠳᠤᠭᠠᠷ ᠠᠵᠤ ᠥᠢᠯᠡᠰ ‍ᠤᠨ‌ᠥᠢᠯᠡᠳᠬᠦᠨ ᠤ ᠥᠷᠳᠡᠭ 290 ᠳ᠋ᠥᠩᠰᠢᠭᠤᠷ ᠳᠥᠬᠦᠷᠢᠭ  ᠂  ᠨᠡᠮᠡᠭᠳᠡᠯ ᠥᠷᠳᠡᠭ 145 ᠳ᠋ᠥᠩᠰᠢᠭᠤᠷ ᠳᠥᠬᠦᠷᠢᠭ  ︔ ᠭᠤᠷᠪᠠᠳᠤᠭᠠᠷ ᠠᠵᠤ ᠥᠢᠯᠡᠰ ᠤᠨ ᠥᠢᠯᠡᠳᠬᠦᠨ ᠤ ᠥᠷᠳᠡᠭ 130 ᠳ᠋ᠥᠩᠰᠢᠭᠤᠷ ᠳᠥᠬᠦᠷᠢᠭ  ᠂  ᠨᠡᠮᠡᠭᠳᠡᠯ ᠥᠷᠳᠡᠭ 65 ᠳ᠋ᠥᠩᠰᠢᠭᠤᠷ ᠳᠥᠬᠦᠷᠢᠭ  ᠎ ᠲᠤ ᠳᠤᠰ ᠳᠤᠰ ᠬᠥᠷᠥᠨ᠎ᠡ᠃ ᠪᠠᠷᠤᠭᠯᠠᠪᠠᠯ ᠨᠡᠮᠡᠭᠳᠡᠯ ᠥᠷᠳᠡᠭ ᠤᠨ ᠭᠠᠶᠢᠯᠢ ᠬᠢᠬᠡᠳ ᠳᠠᠭᠠᠯᠳᠠ ᠭᠠᠶᠢᠯᠢ 34 ᠳ᠋ᠥᠩᠰᠢᠭᠤᠷ ᠳᠥᠬᠦᠷᠢᠭ ᠪᠡᠶᠡᠯᠡᠬᠦᠯᠵᠤ᠂  ᠡᠬᠦᠨ ᠤ ᠳᠤᠳᠤᠷ᠎ᠠ᠄  ᠬᠤᠶᠠᠳᠤᠭᠠᠷ ᠠᠵᠤ ᠥᠢᠯᠡᠰ ᠤᠨ ᠨᠡᠮᠡᠭᠳᠡᠯ ᠥᠷᠳᠡᠭ ᠤᠨ ᠭᠠᠶᠢᠯᠢ 29.2  ᠳ᠋ᠥᠩᠰᠢᠭᠤᠷ ᠳᠥᠬᠦᠷᠢᠭ ︵ᠪᠤᠷᠤᠯᠠᠭᠤᠯᠬᠤ ᠵᠥᠢᠯ ᠤᠨ ᠭᠠᠶᠢᠯᠢ ᠶᠢᠨ ᠨᠤᠷᠮ᠎ᠠ ᠶᠢ 17 %  ᠂  ᠤᠷᠤᠯᠭ᠎ᠠ ᠶᠢᠨ ᠵᠥᠢᠯ ᠤᠨ ᠭᠠᠶᠢᠯᠢ ᠶᠢᠨ ᠨᠤᠷᠮ᠎ᠠ ᠶᠢ13%᠂   ᠬᠥᠳᠡᠯᠬᠦ ᠥᠬᠡᠢ ᠬᠥᠷᠥᠩᠬᠡ ᠶᠢ11%᠂  ᠳᠤᠭᠳᠠᠮᠠᠯ ᠡᠳ᠋ ᠬᠥᠷᠥᠩᠬᠡ  ᠎ ᠶᠢ 17%  ᠎ ᠪᠠᠷ ᠪᠤᠳᠤᠨ᠎ᠠ︶  ᠳᠠᠭᠠᠯᠳᠠ ᠭᠠᠶᠢᠯᠢ 2.9  ᠳ᠋ᠥᠩᠰᠢᠭᠤᠷ ᠳᠥᠬᠦᠷᠢᠭ  ︵ᠬᠤᠳᠠ ᠶᠢᠨ ᠬᠠᠮᠭᠠᠯᠠᠯᠳᠠ ᠪᠥᠲᠥᠬᠡᠨ ᠪᠠᠶᠢᠭᠤᠯᠤᠯᠳᠠ ᠶᠢᠨ ᠭᠠᠶᠢᠯᠢ ᠶᠢ 7%  ᠂ ᠰᠤᠷᠭᠠᠨ ᠬᠥᠮᠥᠵᠢᠯ ᠤᠨ  ᠳᠠᠭᠠᠯᠳᠠ ᠭᠠᠶᠢᠯᠢ ᠎ ᠶᠢ3 %᠎ ᠪᠠᠷ ᠪᠤᠳᠤᠨ᠎ᠠ︶︔ ᠭᠤᠷᠪᠠᠳᠤᠭᠠᠷ ᠠᠵᠤ ᠥᠢᠯᠡᠰ ᠤᠨ ᠨᠡᠮᠡᠭᠳᠡᠯ ᠥᠷᠳᠡᠭ ᠤᠨ ᠭᠠᠶᠢᠯᠢ 1.8  ᠳ᠋ᠥᠩᠰᠢᠭᠤᠷ ᠳᠥᠬᠦᠷᠢᠭ ︵17 %᠎ ᠪᠠᠷ ᠪᠤᠳᠤᠨ᠎ᠠ︶᠂ ᠳᠠᠭᠠᠯᠳᠠ  ᠭᠠᠶᠢᠯᠢ 1888 ᠳᠥᠮᠡᠨ ᠳᠥᠬᠦᠷᠢᠭ ︵17%᠎ ᠪᠠᠷ ᠪᠤᠳᠤᠨ᠎ᠠ︶᠎ ᠢ ᠳᠤᠰ ᠳᠤᠰ ᠪᠡᠶᠡᠯᠡᠬᠦᠯᠥᠨ᠎ᠠ᠃  ᠮᠠᠯᠴᠢᠨ ᠲᠠᠷᠢᠶᠡᠴᠢᠨ ᠤ ᠳᠤᠮᠳᠠᠴᠢ ᠨᠡᠮᠡᠭᠳᠡᠯ ᠤᠷᠤᠯᠭ᠎ᠠ  ᠪᠠᠷᠤᠭ 2 ᠳᠥᠮᠡᠨ ᠳᠥᠬᠦᠷᠢᠭ  ᠂  ᠡᠬᠦᠨ‌‍ᠳᠤ ᠰᠢᠯᠢᠳᠡᠭ ᠡᠬᠦᠯᠳᠡᠷ ᠤᠨ ᠥᠬᠡᠷ ᠮᠠᠯᠵᠢᠭᠰᠠᠨ ᠠᠰᠢᠭ ᠤᠷᠤᠯᠭ᠎ᠠ  ᠬᠥᠮᠥᠨ ᠪᠥᠷᠢ ᠳᠤ ᠳᠡᠭᠰᠢᠳᠬᠡᠬᠡᠳ 1.6  ᠳᠥᠮᠡᠨ ᠳᠥᠬᠦᠷᠢᠭ᠂  ᠴᠠᠯᠢᠩ ᠤᠨ ᠴᠢᠨᠡᠷᠳᠡᠢ ᠤᠷᠤᠯᠭ᠎ᠠ ᠬᠥᠮᠥᠨ ᠪᠥᠷᠢ ᠳᠤ ᠳᠡᠭᠰᠢᠳᠬᠡᠬᠡᠳ 0.3 ᠳᠥᠮᠡᠨ ᠳᠥᠬᠦᠷᠢᠭ ᠪᠤᠯᠤᠨ᠎ᠠ᠃ ︵ᠬᠤᠶᠠᠷ︶ ᠨᠡᠶᠢᠬᠡᠮ ᠪᠠ ᠠᠮᠢ ᠠᠬᠤᠢ ᠶᠢᠨ ᠥᠷ᠎ᠡ ᠠᠰᠢᠭ ︽ᠬᠤᠨᠢ ᠶᠢ ᠴᠥᠬᠡᠴᠢᠯᠡᠵᠤ ᠥᠬᠡᠷ ᠢᠯᠡᠬᠦᠥ ᠮᠠᠯᠵᠢᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂  ᠪᠤᠭ ᠮᠠᠯ ᠤᠨ ᠳᠤᠭ᠎ᠠ ᠶᠢ ᠪᠠᠭᠠᠰᠬᠠᠵᠤ᠂  ᠨᠤᠳᠤᠭ ᠤᠨ ᠰᠠᠶᠢᠨ ᠡᠬᠦᠯᠳᠡᠷ ᠤᠨ ᠬᠤᠨᠢᠨ ᠤ ᠨᠢᠬᠡᠴᠢ ᠭᠠᠷᠤᠯᠳᠠ ᠶᠢᠨ ᠳᠥᠪᠰᠢᠨ ᠢ ᠳᠡᠭᠡᠭᠰᠢᠯᠡᠬᠦᠯᠵᠤ᠂  ᠤᠳᠤ ᠶᠢᠨ ᠪᠠᠶᠢᠭ᠎ᠠ ᠥᠬᠡᠷ ᠤᠨ ᠡᠬᠦᠯᠳᠡᠷ ᠰᠠᠶᠢᠵᠢᠷᠠᠭᠤᠯᠤᠭᠰᠠᠨ ᠥᠷ᠎ᠡ ᠪᠥᠲᠥᠮᠵᠢ ᠶᠢ ᠪᠠᠬᠢᠵᠢᠬᠦᠯᠥᠭᠰᠡᠨ ᠰᠠᠭᠤᠷᠢᠨ ᠳᠡᠭᠡᠷ᠎ᠡ᠂  ᠰᠢᠯᠢᠳᠡᠭ ᠡᠬᠦᠯᠳᠡᠷ ᠤᠨ ᠥᠬᠡᠷ  ᠮᠠᠯᠵᠢᠬᠤ ᠠᠵᠤ ᠥᠢᠯᠡᠰ ᠎ ᠢ ᠬᠥᠭᠵᠢᠬᠦᠯᠬᠦ ᠪᠠᠷ ᠰᠢᠪᠳᠤᠯᠤᠯᠳᠠ ᠶᠢᠨ ᠴᠢᠭ᠋  ᠪᠤᠯᠭᠠᠵᠤ᠂  ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠪᠠ ᠶᠠᠰᠤ ᠴᠢᠨᠠᠷ ᠢ ᠰᠠᠶᠢᠵᠢᠷᠠᠭᠤᠯᠤᠨ ᠥᠷ᠎ᠡ ᠠᠰᠢᠭ ᠢ ᠨᠡᠮᠡᠭᠳᠡᠬᠦᠯᠵᠤ᠂  ᠨᠤᠳᠤᠭ ᠪᠡᠯᠴᠢᠬᠡᠷ ᠤᠨ ᠠᠮᠢ ᠠᠬᠤᠢ ᠶᠢᠨ ᠳᠠᠷᠤᠭᠠᠰᠤ ᠶᠢ ᠥᠨᠳᠥᠰᠥᠨ ᠠᠴᠠ ᠨᠢ ᠬᠥᠩᠭᠡᠷᠡᠬᠦᠯᠥᠨ᠎ᠠ᠃  ᠠᠷᠠᠴᠢᠯᠠᠨ ᠮᠠᠯᠵᠢᠬᠤ ᠠᠷᠭ᠎ᠠ ᠬᠡᠯᠪᠡᠷᠢ ᠪᠠᠨ ᠬᠤᠪᠢᠷᠠᠭᠤᠯᠬᠤ ᠪᠠᠷ ᠳᠠᠮᠵᠢᠨ᠂  ᠰᠢᠨᠵᠢᠯᠡᠬᠦ ᠤᠬᠠᠭᠠᠨᠴᠢ  ᠎ ᠪᠠᠷ᠂  ᠬᠡᠪᠴᠢᠶᠡᠵᠢᠬᠦᠯᠥᠨ᠂  ᠪᠠᠷᠢᠮᠵᠢᠶᠠᠵᠢᠭᠤᠯᠤᠨ ᠠᠷᠠᠴᠢᠯᠠᠨ ᠮᠠᠯᠵᠢᠬᠤ ᠶᠠᠪᠤᠴᠠ ᠳᠤ ᠮᠠᠯᠴᠢᠨ ᠲᠠᠷᠢᠶᠡᠴᠢᠨ ᠳᠤ ᠨᠡᠩ ᠶᠡᠭᠡ  ᠠᠰᠢᠭ ᠬᠥᠷᠳᠡᠬᠡᠵᠤ᠂  ᠤᠯᠠᠮᠵᠢᠯᠠᠯᠳᠤ ᠰᠡᠳᠬᠢᠴᠠ ᠥᠵᠡᠯᠳᠡ ᠶᠢ ᠨᠢ ᠬᠤᠪᠢᠷᠠᠭᠤᠯᠤᠨ᠂  ᠰᠤᠶᠤᠯ ᠮᠡᠳᠡᠯᠬᠡ ᠲᠠᠢ᠂ ᠮᠡᠷᠬᠡᠵᠢᠯ ᠲᠠᠢ᠂   ᠡᠵᠡᠩᠨᠡᠨ ᠬᠠᠮᠢᠶᠠᠷᠬᠤ ᠳᠠᠭᠠᠨ ᠳᠠᠳᠮᠠᠭᠠᠢ ᠰᠢᠨ᠎ᠡ ᠮᠠᠶ᠋ᠢᠭ ᠤᠨ ᠮᠠᠯᠴᠢᠨ ᠳᠠᠷᠢᠶᠡᠴᠢᠨ ᠢ ᠬᠥᠮᠥᠵᠢᠬᠦᠯᠵᠤ᠂  ᠰᠢᠨᠵᠢᠯᠡᠬᠦ ᠤᠬᠠᠭᠠᠨ ᠮᠡᠷᠬᠡᠵᠢᠯ ᠳᠤ ᠳᠥᠰᠢᠭᠯᠡᠨ ᠠᠵᠢᠯᠴᠢ ᠬᠥᠳᠡᠯᠮᠤᠷᠢᠴᠢ ᠪᠠᠷ ᠪᠠᠶᠠᠵᠢᠭᠤᠯᠤᠨ᠎ᠠ ᠃  ᠥᠬᠡᠷ ᠢ ᠬᠡᠪᠴᠢᠶᠡᠵᠢᠬᠦᠯᠥᠨ ᠮᠠᠯᠵᠢᠬᠤ᠂  ᠵᠠᠭᠪᠤᠷᠵᠢᠭᠤᠯᠤᠨ ᠲᠡᠵᠢᠬᠡᠬᠦ᠂  ᠪᠠᠷᠢᠮᠵᠢᠶᠠᠵᠢᠭᠤᠯᠤᠨ ᠥᠢᠯᠡᠳᠪᠤᠷᠢᠯᠡᠬᠦ ᠵᠢᠱᠢᠶ᠎ᠡ ᠥᠵᠡᠬᠦᠯᠬᠦ ᠰᠠᠭᠤᠷᠢᠨ ᠭᠠᠵᠠᠷ  ᠪᠠᠶᠢᠭᠤᠯᠵᠤ᠂  ᠲᠡᠷᠢᠵᠤ ᠲᠡᠵᠢᠬᠡᠬᠦ ᠡᠳ᠋ᠰᠢᠬᠦᠯᠬᠦ ᠶᠢ ᠤᠶᠠᠯᠳᠤᠭᠤᠯᠬᠤ᠂ ᠨᠢᠬᠡᠳᠥᠬᠡᠷ ᠬᠤᠶᠠᠳᠤᠭᠠᠷ ᠭᠤᠷᠪᠡᠳᠤᠭᠠᠷ ᠠᠵᠤ ᠥᠢᠯᠡᠰ ᠢ  ᠠᠭᠤᠰᠤᠯᠴᠠᠭᠤᠯᠤᠨ ᠬᠥᠭᠵᠢᠬᠦᠯᠬᠦ  ᠎ ᠶᠢ ᠳᠥᠯᠬᠢᠨ ᠠᠬᠢᠭᠤᠯᠵᠤ᠂  6.6  ᠳᠥᠮᠡᠨ ᠠᠵᠢᠯ ᠤᠨ ᠪᠠᠶᠢᠷᠢ ᠶᠢ ᠰᠢᠨ᠎ᠡ ᠪᠠᠷ ᠨᠡᠮᠡᠭᠳᠡᠬᠦᠯᠥᠨ᠎ᠡ᠂  ᠡᠬᠦᠨ ᠳᠤ ᠠᠷᠠᠴᠢᠯᠠᠨ ᠮᠠᠯᠵᠢᠬᠤ ᠪᠤᠷᠳᠤᠨ ᠲᠠᠷᠭᠤᠯᠠᠭᠤᠯᠬᠤ ᠭᠤᠭᠴᠤᠭᠠᠨ ᠳᠤ 5  ᠳᠥᠮᠡᠨ ᠠᠵᠢᠯ ᠤᠨ  ᠪᠠᠶᠢᠷᠢ᠂  ᠥᠢᠯᠡᠳᠪᠤᠷᠢᠯᠡᠬᠦ ᠡᠳ᠋ᠰᠢᠬᠦᠯᠬᠦ ᠭᠤᠭᠴᠤᠭᠠᠨ ᠳᠤ 0.6 ᠳᠥᠮᠡᠨ ᠠᠵᠢᠯ ᠤᠨ ᠪᠠᠶᠢᠷᠢ ᠨᠡᠮᠡᠭᠳᠡᠬᠦᠯᠤᠨ᠎ᠠ᠂  ᠡᠬᠦᠨ ᠤ ᠳᠠᠭᠤ ᠳᠤᠰ ᠭᠠᠵᠠᠷ ᠤᠷᠤᠨ ᠤ  ᠪᠤᠳᠠᠰ ᠤᠨ ᠬᠥᠢᠯᠬᠡᠬᠡᠨ᠂  ᠥᠢᠯᠡᠴᠢᠯᠡᠬᠡᠨ ᠤ  ᠥᠢᠯᠡᠰ ᠪᠡ ᠪᠤᠰᠤᠳ ᠬᠠᠮᠢᠶ᠎ᠠ  ᠪᠥᠬᠦᠢ ᠠᠵᠤ ᠥᠢᠯᠡᠰ ᠲᠤ 1 ᠳᠥᠮᠡᠨ ᠬᠥᠮᠥᠨ ᠳᠤ ᠠᠵᠢᠯ ᠤᠯᠭᠤᠵᠤ᠂  ᠮᠠᠯᠴᠢᠨ ᠲᠠᠷᠢᠶᠡᠴᠢᠨ ᠤ ᠤᠷᠤᠯᠭ᠎ᠠ  ᠎ ᠶᠢ ᠥᠷᠬᠦᠯᠵᠢᠯᠡᠨ ᠳᠤᠭᠳᠠᠭᠤᠨ ᠨᠡᠮᠡᠭᠳᠡᠬᠦᠯᠬᠦ ᠳᠤ ᠰᠠᠭᠤᠷᠢ ᠲᠠᠯᠪᠢᠨ᠎ᠠ᠃   ᠤᠳᠤᠬᠢᠴᠢᠯᠠᠭᠰᠠᠨ ᠮᠠᠯᠵᠢᠯ ᠤᠨ  ᠲᠠᠯᠠᠪᠠᠢ ᠪᠠᠶᠢᠭᠤᠯᠬᠤ ᠪᠠᠷ ᠳᠠᠮᠵᠢᠨ᠂  ᠤᠬᠢ ᠰᠠᠶᠢᠨ ᠠᠮᠢ ᠠᠬᠤᠢ ᠶᠢᠨ ᠥᠵᠡᠮᠵᠢ ᠪᠠ  ᠬᠥᠮᠥᠡᠯᠢᠭ ᠤᠷᠴᠢᠨ ᠳᠤᠭᠤᠷᠢᠨ ᠢ  ᠪᠤᠢ ᠪᠤᠯᠭᠠᠵᠤ᠂  ᠳᠠᠯ᠎ᠠ ᠨᠤᠳᠤᠭ ᠤᠨ ᠰᠤᠶᠤᠯ ᠵᠤᠭᠠᠴᠠᠯ ᠤᠨ ᠥᠢᠯᠡᠰ ᠤᠨ ᠬᠥᠭᠵᠢᠯᠳᠡ ᠳᠤ ᠬᠥᠴᠥᠳᠡᠢ ᠳᠡᠮᠵᠢᠯᠬᠡ ᠥᠵᠡᠬᠦᠯᠥᠨ᠎ᠠ᠃ ᠶᠢᠰᠤ᠂  ᠪᠠᠳᠤᠯᠠᠭ᠎ᠠ ᠶᠢᠨ ᠠᠷᠭ᠎ᠠ ᠬᠡᠮᠵᠢᠶ᠎ᠡ ︵ᠨᠢᠬᠡ︶ ᠲᠥᠷᠥ ᠶᠢᠨ ᠪᠤᠳᠤᠯᠭ᠎ᠠ ᠶᠢᠨ ᠵᠢᠯᠤᠭᠤᠳᠤᠯᠭ᠎ᠠ ᠳᠡᠮᠵᠢᠯᠬᠡ ᠶᠢ ᠴᠢᠩᠭᠠᠳᠬᠠᠨ᠎ᠠ᠃  ᠠᠶᠢᠮᠠᠭ ᠤᠨ ᠰᠢᠭᠤᠳ ᠬᠠᠷᠢᠶ᠎ᠠ ᠬᠠᠮᠢᠶ᠎ᠡ ᠪᠥᠬᠦᠢ ᠰᠠᠯᠠᠭ᠎ᠠ ᠮᠥᠴᠢᠷ ᠪᠤᠯᠤᠨ ᠬᠤᠰᠢᠭᠤ ᠰᠢᠶᠡᠨ ᠬᠤᠳᠠ ︵ᠤᠷᠤᠨ︶᠎ ᠶᠢᠨ ᠵᠠᠰᠠᠭ ᠎ ᠤᠨ ᠤᠷᠳᠤᠨ ᠨᠢ ᠤᠯᠤᠰ᠂  ᠥᠪᠡᠷᠳᠡᠬᠡᠨ ᠵᠠᠰᠠᠬᠤ ᠤᠷᠤᠨ ᠤ ᠠᠵᠤ ᠥᠢᠯᠡᠰ ᠤᠨ ᠲᠥᠷᠥ ᠶᠢᠨ ᠪᠤᠳᠤᠯᠭ᠎ᠠ ᠪᠠ ᠳᠤᠰ ᠳᠥᠯᠥᠪᠵᠢᠬᠦᠯᠬᠡ ᠶᠢ ᠥᠨᠳᠥᠰᠥᠯᠡᠵᠤ᠂  ᠰᠢᠯᠢᠳᠡᠭ ᠡᠬᠦᠯᠳᠡᠷ ᠤᠨ ᠥᠬᠡᠷ  ᠮᠠᠯᠵᠢᠬᠤ ᠠᠵᠤ ᠥᠢᠯᠡᠰ ᠢ ᠪᠤᠳᠠᠳᠠᠢ ᠳᠡᠮᠵᠢᠬᠦ ᠲᠥᠷᠥ ᠶᠢᠨ ᠪᠤᠳᠤᠯᠭ᠎ᠠ ᠳᠤᠭᠳᠠᠭᠠᠨ᠎ᠠ᠃  ᠭᠤᠤᠯᠳᠠᠯᠭ᠎ᠠ ᠲᠠᠢ ᠳᠡᠮᠵᠢᠬᠦ᠂  ᠨᠡᠶᠢᠳᠡᠯᠢᠭ ᠵᠢᠱᠢᠶ᠎ᠡ  ᠥᠵᠡᠬᠦᠯᠬᠦ  ᠎ ᠪᠠᠷ ᠳᠡᠮᠵᠢᠨ᠂  ᠮᠠᠯᠴᠢᠨ ᠲᠠᠷᠢᠶᠡᠴᠢᠨ  ᠲᠡᠷᠢᠵᠤ ᠲᠡᠵᠢᠬᠡᠬᠦ ᠪᠥᠲᠥᠴᠠ ᠪᠤᠯᠤᠨ ᠮᠠᠯ ᠰᠥᠷᠥᠭ ᠤᠨ ᠪᠥᠲᠥᠴᠠ ᠪᠠᠨ ᠳᠤᠬᠢᠷᠠᠭᠤᠯᠵᠤ᠂  ᠲᠡᠵᠢᠬᠡᠬᠦ  ᠬᠡᠪ ᠵᠠᠭᠪᠤᠷ ᠢᠶᠠᠨ ᠬᠤᠪᠢᠷᠠᠭᠤᠯᠬᠤ ᠶᠢ ᠵᠢᠭᠠᠨ ᠵᠢᠯᠤᠭᠤᠳᠴᠥ᠂᠂  ᠰᠢᠨᠵᠢᠯᠡᠬᠦ ᠤᠬᠠᠭᠠᠨᠴᠢ ᠪᠠᠷ᠂  ᠬᠡᠪᠴᠢᠶᠡᠵᠢᠬᠦᠯᠥᠨ᠂  ᠪᠠᠷᠢᠮᠵᠢᠶᠠᠵᠢᠭᠤᠯᠤᠨ ᠠᠷᠠᠴᠢᠯᠠᠨ  ᠮᠠᠯᠵᠢᠭᠤᠯᠵᠤ᠂  ᠲᠥᠷᠥ ᠎ ᠶᠢᠨ  ᠪᠤᠳᠤᠯᠭ᠎ᠠ ᠪᠠᠷ ᠵᠢᠭᠠᠨ ᠵᠢᠯᠤᠭᠤᠳᠬᠤ ᠪᠠᠷ ᠳᠡᠮᠵᠢᠨ ᠰᠢᠨᠵᠢᠯᠡᠬᠦ ᠤᠬᠠᠭᠠᠨ ᠢ ᠡᠷᠬᠢᠮᠯᠡᠬᠦ᠂  ᠬᠥᠳᠡᠯᠮᠤᠷᠢ ᠶᠢ ᠬᠥᠨᠳᠥᠳᠬᠡᠬᠦ᠂ ᠵᠠᠬ᠎ᠠ ᠳᠡᠯᠬᠡᠬᠦᠷ ᠢ ᠵᠢᠷᠤᠮᠯᠠᠬᠤ᠂  ᠠᠵᠤ ᠳᠤᠬᠢᠶᠠᠯ ᠡᠷᠬᠡ ᠳᠡᠭᠰᠢ᠂  ᠲᠡᠷᠢᠬᠦᠨ ᠤ  ᠎ ᠬᠢ ᠶᠢ ᠤᠷᠮᠠᠰᠢᠭᠤᠯᠬᠤ ᠤᠬᠢ ᠰᠠᠶᠢᠨ ᠨᠡᠶᠢᠬᠡᠮ ᠤᠨ ᠤᠷᠴᠢᠨ ᠳᠤᠭᠤᠷᠢᠨ ᠢ ᠪᠤᠢ ᠪᠤᠯᠭᠠᠵᠤ᠂  ᠨᠡᠩ ᠤᠯᠠᠨ ᠮᠠᠯᠴᠢᠨ ᠳᠠᠷᠢᠶᠠᠴᠢᠨ  ᠎ ᠢ ᠰᠢᠷᠭᠠᠭᠤ ᠬᠥᠳᠡᠯᠮᠤᠷᠢ ᠳᠡᠭᠡᠨ ᠳᠥᠰᠢᠭᠯᠡᠨ ᠥᠬᠡᠷᠡᠴᠢᠯᠡᠯᠳᠡ ᠶᠢᠨ ᠥᠷ᠎ᠡ ᠠᠰᠢᠭ ᠪᠠ ᠬᠥᠭᠵᠢᠯᠳᠡ ᠎ ᠶᠢᠨ ᠥᠷ᠎ᠡ ᠪᠥᠲᠥᠮᠵᠢ ᠶᠢ ᠡᠳ᠋ᠯᠡᠬᠦᠯᠥᠨ᠎ᠠ᠃ ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂  ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠬᠤᠭᠤᠴᠠᠭᠠᠨ ᠳᠤ᠂ ᠤᠯᠤᠰ᠂  ᠥᠪᠡᠷᠳᠡᠬᠡᠨ ᠵᠠᠰᠠᠬᠤ ᠤᠷᠤᠨ ᠤ ᠳᠤᠰᠬᠠᠢ ᠲᠥᠷᠥᠯ ᠤᠨ ᠪᠡᠯᠡ ᠮᠥᠩᠬᠦ 15  ᠳ᠋ᠥᠩᠰᠢᠭᠤᠷ ᠳᠥᠬᠦᠷᠢᠭ ᠢ ᠬᠥᠴᠥᠯᠡᠨ  ᠤᠯᠤᠨ᠎ᠠ︔  ᠠᠶᠢᠮᠠᠭ ᠤᠨ ᠳᠤᠰ ᠱᠠᠳᠤᠨ ᠤ ᠡᠳ᠋ ᠎ ᠤᠨ ᠵᠠᠰᠠᠭ ᠵᠢᠯ  ᠪᠤᠯᠭᠠᠨ 3  ᠳ᠋ᠥᠩᠰᠢᠭᠤᠷ  ᠭᠠᠷᠥᠢ ᠳᠥᠬᠦᠷᠢᠭ᠂ ᠨᠡᠶᠢᠳᠡ15 ᠳ᠋ᠥᠩᠰᠢᠭᠤᠷ ᠳᠥᠬᠦᠷᠢᠭ ᠤᠨ ᠪᠡᠯᠡ ᠮᠥᠩᠬᠦ ᠳᠤᠬᠢᠷᠠᠭᠤᠯᠤᠨ᠎ᠠ︔  ᠡᠯ᠎ᠡ ᠬᠤᠰᠢᠭᠤ ᠰᠢᠶᠡᠨ ᠬᠤᠳᠠ ︵ᠤᠷᠤᠨ︶ ᠳᠤᠰ ᠭᠠᠵᠠᠷ ᠤᠷᠤᠨ ᠤ ᠥᠬᠡᠷ ᠮᠠᠯᠵᠢᠬᠤ ᠬᠡᠪᠴᠢᠶ᠎ᠡ ᠪᠠᠨ ᠥᠨᠳᠥᠰᠥᠯᠡᠵᠤ ᠵᠢᠯ ‍ᠤᠨ‌‍ᠲ᠋ᠤᠰᠬᠠᠢ ᠳᠥᠰᠥᠪ ᠳᠤᠭᠳᠠᠭᠠᠨ᠎ᠡ᠂  ᠨᠡᠶᠢᠳᠡ15  ᠳ᠋ᠥᠩᠰᠢᠭᠤᠷ ᠳᠥᠬᠦᠷᠢᠭ᠃  ᠡᠳ᠋ ᠤᠨ ᠵᠠᠰᠠᠭ ᠤᠨ ᠪᠡᠯᠡ ᠮᠥᠩᠬᠦ ᠶᠢ ᠭᠤᠤᠯ ᠨᠢ ᠰᠢᠯᠢᠳᠡᠭ ᠡᠬᠦᠯᠳᠡᠷ ᠳᠠᠳᠠᠨ ᠤᠷᠤᠭᠤᠯᠤᠭᠰᠠᠨ ᠨᠢᠬᠡ ᠯᠡ ᠤᠳᠠᠭᠠᠨ ᠤ ᠨᠥᠬᠦᠪᠤᠷᠢ  ︔ ᠪᠤᠷᠳᠤᠨ ᠲᠠᠷᠭᠤᠯᠠᠭᠤᠯᠬᠤ ᠵᠢᠬᠡᠯᠡᠯᠬᠡ ᠶᠢᠨ ᠳᠠᠮ ᠬᠥᠥ ᠮᠥᠩᠬᠦ︔ ᠲᠡᠵᠢᠬᠡᠯ ᠡᠪᠡᠰᠤ ᠪᠤᠷᠳᠤᠭᠠᠨ ᠤ ᠰᠠᠭᠤᠷᠢᠨ ᠭᠠᠵᠠᠷ ︵ ᠨᠤᠭᠤᠭᠠᠨ ᠳᠠᠷᠤᠰᠢ ᠶᠢᠨ ᠳᠤᠮᠤ ᠳᠠᠯᠠᠪᠠᠢ ᠪᠠᠭᠳᠠᠨ᠎ᠠ︶᠎ ᠤᠨ ᠪᠥᠲᠥᠬᠡᠨ ᠪᠠᠶᠢᠭᠤᠯᠤᠯᠳᠠ ᠶᠢᠨ ᠨᠥᠬᠦᠪᠤᠷᠢ᠂ ᠢᠵᠢ ᠪᠥᠷᠢᠳᠥᠭᠰᠡᠨ ᠮᠠᠰᠢᠨ ᠳᠥᠬᠦᠬᠡᠷᠥᠮᠵᠢ ᠬᠤᠳᠠᠯᠳᠤᠨ ᠠᠪᠬᠤ ᠨᠥᠬᠦᠪᠤᠷᠢ  ︔  ᠰᠢᠨᠵᠢᠯᠡᠭᠡ ᠮᠡᠷᠬᠡᠵᠢᠯ ᠤᠨ ᠰᠤᠳᠤᠯᠭᠠᠨ ᠪᠤᠯᠤᠨ ᠮᠠᠯᠴᠢᠨ ᠲᠠᠷᠢᠶᠡᠴᠢᠨ ᠤ  ᠪᠤᠯᠪᠠᠰᠤᠷᠠᠯ᠂  ᠵᠠᠰᠠᠭ ᠎ ᠤᠨ ᠤᠷᠳᠤᠨ ᠥᠢᠯᠡᠴᠢᠯᠡᠭᠡ ᠬᠤᠳᠠᠯᠳᠤᠨ ᠠᠪᠬᠤ ᠵᠢᠴᠢ ᠨᠡᠶᠢᠬᠡᠮᠴᠢᠯᠡᠭᠰᠡᠨ ᠥᠢᠯᠡᠴᠢᠯᠡᠬᠡᠨ ᠤ  ᠰᠢᠰᠲ᠋ᠧᠮ ᠤᠨ ᠪᠥᠲᠥᠬᠡᠨ ᠪᠠᠶᠢᠭᠤᠯᠤᠯᠳᠠ︔ ᠰᠢᠯᠢ ᠶᠢᠨ ᠭᠤᠤᠯ ᠤᠨ ᠰᠢᠯᠢᠳᠡᠭ ᠡᠬᠦᠯᠳᠡᠷ ᠤᠨ ᠥᠬᠡᠷ ᠤᠨ ᠰᠢᠨ᠎ᠡ ᠡᠬᠦᠯᠳᠡᠷ ᠢ ᠰᠤᠩᠭᠤᠨ ᠪᠤᠶᠢᠵᠢᠭᠤᠯᠬᠤ ᠢᠨᠵᠧᠨᠧᠷᠢᠩ︔ ᠤᠳᠤ ᠥᠶ᠎ᠡ ᠶᠢᠨ ᠮᠠᠯ ᠠᠵᠤ ᠠᠬᠤᠢ ᠶᠢᠨ ᠬᠥᠭᠵᠢᠯᠳᠡ ᠶᠢᠨ ᠰᠠᠭᠤᠷᠢ ᠮᠥᠩᠬᠦ ᠪᠤᠯᠤᠨ ᠥᠬᠡᠷ ᠤᠨ ᠮᠢᠬᠠᠨ ᠤ ᠥᠨ᠎ᠡ ᠬᠠᠩᠰᠢ ᠶᠢᠨ ᠳᠥᠭᠰᠢᠬᠦᠷᠢ ᠶᠢ ᠵᠤᠬᠢᠴᠠᠭᠤᠯᠬᠤ ᠰᠠᠭᠤᠷᠢ ᠮᠥᠩᠬᠦ ᠵᠡᠷᠬᠡ ᠳᠤ ᠬᠡᠷᠡᠭᠯᠡᠨ᠎ᠡ  ᠃2000  ᠢᠯᠡᠬᠦᠥ ᠥᠬᠡᠷ ᠲᠠᠢ ᠬᠡᠪᠴᠢᠶᠡᠵᠢᠭᠰᠡᠨ ᠮᠠᠯᠵᠢᠯ ᠤᠨ ᠲᠠᠯᠠᠪᠠᠢ᠂ 300 ᠢᠯᠡᠬᠦᠥ ᠥᠬᠡᠷ ᠲᠠᠢ ᠮᠠᠯᠴᠢᠨ ᠲᠠᠷᠢᠶᠡᠴᠢᠨ ᠤ  ᠬᠤᠷᠰᠢᠶᠡᠵᠢᠯ ︵ᠬᠤᠯᠪᠤᠭᠠᠯᠠᠨ ᠡᠵᠡᠩᠨᠡᠬᠦ ᠡᠷᠥᠬᠡ︶᠂ 50  ᠢᠯᠡᠬᠦᠥ ᠥᠬᠡᠷ ᠲᠠᠢ ᠤᠳᠤ ᠥᠶ᠎ᠡ ᠎ ᠶᠢᠨ ᠬᠡᠷ ᠪᠥᠯᠢ ᠶᠢᠨ ᠮᠠᠯᠵᠢᠯ ᠤᠨ  ᠲᠠᠯᠠᠪᠠᠢ ︵ᠳᠤᠰᠬᠠᠢ ᠡᠷᠥᠬᠡ︶  ᠎ ᠶᠢ ᠪᠤᠯ ᠡᠳ᠋ ᠤᠨ ᠵᠠᠰᠠᠭ ᠤᠨ  ᠪᠡᠯᠡ ᠮᠥᠩᠬᠦ ᠎ ᠪᠠᠷ ᠭᠤᠤᠯᠳᠠᠯᠭ᠎ᠠ ᠲᠠᠢ ᠳᠡᠮᠵᠢᠨ᠎ᠡ᠂  ᠭᠤᠤᠯ ᠨᠢ ᠰᠢᠯᠢᠳᠡᠭ ᠡᠬᠦᠯᠳᠡᠷ ᠢ ᠤᠷᠤᠭᠤᠯᠵᠤ ᠥᠷᠡᠵᠢᠬᠦᠯᠥᠨ ᠪᠤᠶᠢᠵᠢᠭᠤᠯᠤᠭᠰᠠᠨ᠂  ᠪᠤᠷᠳᠤᠨ ᠲᠠᠷᠭᠤᠯᠠᠭᠤᠯᠬᠤ ᠵᠢᠬᠡᠯᠡᠯᠬᠡ ᠶᠢᠨ ᠳᠠᠮ ᠬᠥᠥ ᠮᠥᠩᠬᠦ︔  ᠰᠢᠯᠢᠳᠡᠭ ᠡᠬᠦᠯᠳᠡᠷ ᠤᠨ ᠥᠨᠢᠶ᠎ᠡ ᠪᠤᠶᠤ ᠪᠤᠬ᠎ᠠ ᠬᠤᠳᠠᠯᠳᠤᠨ ᠠᠪᠤᠭᠰᠠᠨ ᠪᠤᠯ ᠨᠢᠬᠡ ᠯᠡ ᠤᠳᠠᠭᠠᠨ ᠤ ᠨᠥᠬᠦᠪᠤᠷᠢ ᠥᠭᠬᠦ︔  ᠵᠠᠰᠠᠭ ᠤᠨ ᠤᠷᠳᠤᠨ ᠥᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠨ ᠮᠠᠯᠵᠢᠯ ᠤᠨ  ᠡᠷᠥᠬᠡ ᠳᠤ ᠬᠢᠵᠢᠭ ᠬᠡᠮ  ᠎ ᠢ ᠰᠡᠷᠬᠡᠶᠢᠯᠡᠬᠦ ᠪᠠ ᠬᠡᠷᠡᠭᠯᠡᠬᠡᠨ ᠤ  ᠮᠡᠷᠬᠡᠵᠢᠯ ᠤᠨ ᠥᠢᠯᠡᠴᠢᠯᠡᠭᠡ ᠬᠠᠩᠭᠠᠬᠤ ᠵᠡᠷᠬᠡ  ᠳᠠᠯ᠎ᠠ ᠪᠠᠷ  ᠲᠡᠮᠵᠢᠨ᠎ᠡ᠃ ᠥᠬᠡᠷ ᠤᠨ ᠮᠢᠬᠠᠨ ᠤ ᠥᠨ᠎ᠡ ᠬᠠᠩᠰᠢ ᠶᠢᠨ ᠳᠥᠭᠰᠢᠬᠦᠷᠢ ᠶᠢ ᠵᠤᠬᠢᠴᠠᠭᠤᠯᠬᠤ ᠰᠠᠭᠤᠷᠢ ᠮᠥᠩᠬᠦ ᠪᠠᠶᠢᠭᠤᠯᠤᠨ᠎ᠠ᠃  ᠵᠠᠰᠠᠭ ᠤᠨ ᠤᠷᠳᠤᠨ᠂  ᠳᠠᠭᠠᠭᠤᠯᠤᠭᠴᠢ ᠠᠵᠤ ᠠᠬᠤᠶᠢᠯᠠᠯ᠂  ᠮᠠᠯᠴᠢᠨ ᠲᠠᠷᠢᠶᠡᠴᠢᠨ ᠤ ᠬᠤᠷᠰᠢᠶᠡᠵᠢᠯ᠂  ᠳᠤᠰᠬᠠᠢ ᠡᠷᠥᠬᠡ ᠬᠠᠮᠳᠤ ᠪᠠᠷ ᠵᠤᠬᠢᠬᠤ ᠬᠠᠷᠢᠴᠠᠯ  ᠎ ᠢᠶᠠᠷ ᠪᠡᠯᠡ ᠭᠠᠷᠭᠠᠵᠤ᠂  ᠥᠬᠡᠷ ᠤᠨ ᠮᠢᠬᠠᠨ ᠤ ᠥᠨ᠎ᠡ ᠬᠠᠩᠰᠢ ᠶᠢᠨ ᠳᠥᠭᠰᠢᠬᠦᠷᠢ ᠶᠢ ᠵᠤᠬᠢᠴᠠᠭᠤᠯᠬᠤ ᠰᠠᠭᠤᠷᠢ ᠮᠥᠩᠬᠦ ᠪᠠᠶᠢᠭᠤᠯᠵᠤ᠂  ᠥᠨ᠎ᠡ ᠬᠠᠩᠰᠢ ᠶᠢᠨ  ᠬᠡᠯᠪᠡᠯᠵᠡᠯᠳᠡ ᠶᠢᠨ ᠳᠥᠭᠰᠢᠬᠦᠷᠢ ᠶᠢ ᠰᠡᠷᠬᠡᠶᠢᠯᠡᠬᠦ ᠳᠤ ᠬᠡᠷᠡᠭᠯᠡᠨ᠎ᠠ᠃ ᠠᠵᠤ ᠥᠢᠯᠡᠰ ᠤᠨ ᠬᠥᠭᠵᠢᠯᠳᠡ ᠶᠢᠨ ᠰᠠᠭᠤᠷᠢ ᠮᠥᠩᠬᠦ ᠪᠠᠶᠢᠭᠤᠯᠵᠤ᠂  ᠠᠶᠢᠮᠠᠭ  ᠎ ᠤᠨ ᠡᠳ᠋ ᠤᠨ ᠵᠠᠰᠠᠭ  ᠪᠤᠯᠤᠨ ᠪᠠᠩᠬᠢ ᠬᠤᠷᠰᠢᠵᠤ  ᠪᠠᠶᠢᠭᠠᠳ ᠤᠳᠤ ᠥᠶ᠎ᠡ ᠶᠢᠨ ᠮᠠᠯ ᠠᠵᠤ ᠠᠬᠤᠢ ᠶᠢᠨ ᠬᠥᠭᠵᠢᠯᠳᠡ ᠶᠢᠨ ᠰᠠᠭᠤᠷᠢ ᠮᠥᠩᠬᠦ ᠪᠠᠶᠢᠭᠤᠯᠵᠤ᠂  ᠰᠢᠯᠢᠳᠡᠭ ᠡᠬᠦᠯᠳᠡᠷ ᠤᠨ  ᠥᠬᠡᠷ  ᠥᠷᠡᠵᠢᠬᠦᠯᠥᠨ ᠪᠤᠶᠢᠵᠢᠭᠤᠯᠬᠤ ᠵᠢᠱᠢᠶ᠎ᠡ ᠥᠵᠡᠬᠦᠯᠬᠦ ᠰᠠᠭᠤᠷᠢᠨ ᠭᠠᠵᠠᠷ ᠪᠠᠶᠢᠭᠤᠯᠬᠤ ᠳᠤ ᠬᠡᠷᠡᠭᠯᠡᠵᠤ᠂  ᠡᠳ᠋ ᠤᠨ ᠵᠠᠰᠠᠭ ᠤᠨ ᠪᠡᠯᠡ ᠮᠥᠩᠬᠦ ᠶᠢᠨ ᠵᠢᠱᠢᠶ᠎ᠡ ᠥᠵᠡᠬᠦᠯᠬᠦ᠂  ᠵᠢᠭᠠᠨ ᠵᠢᠯᠤᠭᠤᠳᠬᠤ ᠪᠠ ᠬᠥᠰᠢᠬᠦᠷ ᠤᠨ ᠥᠢᠯᠡᠳᠥᠯ ᠢ ᠪᠠᠳᠠᠷᠠᠭᠤᠯᠵᠤ᠂  ᠡᠬᠦᠨ ᠤ ᠳᠠᠭᠤ PPP ᠵᠡᠷᠬᠡ ᠤᠯᠠᠨ ᠵᠥᠢᠯ ᠎ ᠤᠨ ᠪᠡᠯᠡ ᠬᠤᠷᠠᠮᠳᠤᠭᠤᠯᠬᠤ ᠬᠡᠪ ᠵᠠᠭᠪᠤᠷ ᠢ ᠢᠳᠡᠪᠬᠢᠳᠡᠢ  ᠳᠥᠯᠬᠢᠨ ᠠᠬᠢᠭᠤᠯᠵᠤ᠂  ᠨᠡᠶᠢᠬᠡᠮ ᠤᠨ  ᠪᠡᠯᠡ ᠬᠥᠷᠥᠩᠬᠡ ᠶᠢ ᠳᠠᠳᠠᠨ ᠤᠷᠤᠭᠤᠯᠵᠤ  ᠥᠬᠡᠷ  ᠮᠠᠯᠵᠢᠬᠤ ᠠᠵᠤ ᠥᠢᠯᠡᠰ ᠤᠨ ᠬᠥᠭᠵᠢᠯᠳᠡ ᠳᠤ ᠪᠡᠯᠡ ᠤᠷᠤᠭᠤᠯᠤᠨ᠎ᠠ᠃ ᠮᠥᠩᠬᠦᠨ ᠬᠥᠢᠯᠬᠡᠬᠡᠨ ᠤ ᠲᠡᠮᠵᠢᠯᠬᠡ ᠶᠢᠨ ᠡᠷᠴᠢᠮ ᠢ ᠴᠢᠩᠭᠠᠷᠠᠭᠤᠯᠵᠤ᠂  ᠤᠯᠤᠰ ᠤᠨ ᠥᠬᠡᠷ ᠮᠠᠯᠵᠢᠬᠤ ᠠᠵᠤ ᠥᠢᠯᠡᠰ ᠤᠨ ᠢᠳᠡᠬᠡᠮᠵᠢᠳᠤ ᠵᠢᠬᠡᠯᠡᠯᠬᠡ ᠶᠢᠨ ᠬᠠᠷᠠᠭᠠᠯᠵᠡᠯ ᠤᠨ ᠲᠥᠷᠥ ᠶᠢᠨ  ᠪᠤᠳᠤᠯᠭ᠎ᠠ ᠶᠢ ᠢᠳᠡᠪᠬᠢᠳᠡᠢ ᠬᠥᠴᠥᠯᠡᠨ ᠤᠯᠵᠤ᠂  ᠰᠢᠯᠢᠳᠡᠭ ᠡᠬᠦᠯᠳᠡᠷ ᠤᠨ ᠥᠬᠡᠷ  ᠮᠠᠯᠵᠢᠬᠤ ᠠᠵᠤ ᠥᠢᠯᠡᠰ ᠤᠨ ᠬᠥᠭᠵᠢᠯᠳᠡ ᠶᠢ ︽ᠮᠥᠩᠬᠦᠨ ᠬᠥᠢᠯᠬᠡᠬᠡᠨ ᠢᠶᠠᠷ ᠶᠠᠳᠠᠭᠤ ᠶᠢ ᠳᠡᠳᠬᠦᠬᠦ ᠢᠨᠵᠧᠨᠧᠷᠢᠩ︾  ᠎ ᠤᠨ ᠬᠡᠪᠴᠢᠶᠡᠨ ᠳᠤ ᠤᠷᠤᠭᠤᠯᠵᠤ᠂  ᠲᠠᠷᠢᠶᠡᠯᠡᠩ ᠢ ᠳᠤᠰᠠᠯᠠᠬᠤ ᠳᠡᠬᠢᠨᠳᠡ ᠵᠢᠬᠡᠯᠡᠯᠬᠡ᠂  ᠶᠠᠳᠠᠭᠤ ᠶᠢ ᠳᠡᠳᠬᠦᠬᠦ ᠳᠡᠬᠢᠨᠳᠡ ᠵᠢᠬᠡᠯᠡᠯᠬᠡ ᠶᠢ ᠬᠥᠴᠥᠯᠡᠨ ᠤᠯᠵᠤ᠂  ᠤᠷᠤᠨ ᠨᠤᠳᠤᠭ  ᠎ ᠤᠨ ᠬᠠᠤᠯᠢ ᠶᠢᠨ ᠡᠷᠬᠡᠳᠡᠨ ᠤ ᠮᠥᠩᠬᠦᠨ ᠬᠥᠢᠯᠬᠡᠬᠡᠨ ᠤ ᠪᠠᠶᠢᠭᠤᠯᠤᠮᠵᠢ ᠲᠠᠷᠢᠶᠡᠯᠡᠩ ᠢ ᠳᠤᠰᠠᠯᠠᠬᠤ᠂  ᠶᠠᠳᠠᠭᠤ ᠶᠢ ᠳᠡᠳᠬᠦᠬᠦ ᠳᠡᠬᠢᠨᠳᠡ ᠵᠢᠬᠡᠯᠡᠯᠬᠡ ᠶᠢᠨ ᠭᠤᠤᠯᠳᠠᠯᠭ᠎ᠠ ᠪᠠᠨ ᠰᠢᠯᠢᠳᠡᠭ ᠡᠬᠦᠯᠳᠡᠷ ᠤᠨ ᠥᠬᠡᠷ ᠮᠠᠯᠵᠢᠬᠤ ᠠᠵᠤ ᠥᠢᠯᠡᠰ ᠵᠥᠭ ᠬᠡᠯᠪᠡᠶᠢᠯᠬᠡᠨ᠎ᠡ︔  ᠮᠥᠩᠬᠦᠨ ᠬᠥᠢᠯᠬᠡᠬᠡᠨ ᠤ ᠪᠠᠶᠢᠭᠤᠯᠤᠮᠵᠢ ᠳᠤᠤᠷ ᠴᠢᠭ᠋ ᠢᠶᠠᠨ ᠥᠨᠳᠥᠰᠥᠨ ᠱᠠᠳᠤᠨ ᠳᠤ ᠬᠥᠷᠳᠡᠯ᠎ᠡ ᠥᠷᠬᠦᠯᠵᠢᠯᠡᠬᠦᠯᠬᠦ ᠶᠢ ᠢᠳᠡᠪᠬᠢᠳᠡᠢ ᠲᠡᠮᠵᠢᠵᠤ᠂  ᠰᠤᠮᠤ ᠰᠢᠶᠠᠩ ᠪᠠᠯᠭᠠᠰᠤᠨ ᠤ ᠪᠠᠩᠬᠢ ᠶᠢᠨ ᠳᠤᠤᠷ ᠴᠢᠭ᠋ ᠪᠤᠯᠤᠨ ᠳᠠᠭᠠᠳᠬᠠᠯ ᠤᠨ ᠳᠤᠬᠠᠶᠢᠯᠠᠭᠰᠠᠨ ᠠᠵᠢᠯ ᠪᠥᠬᠦᠨ ᠢ ᠪᠥᠷᠬᠦᠬᠦ ᠶᠢ ᠪᠡᠶᠡᠯᠡᠬᠦᠯᠵᠤ᠂  ᠮᠠᠯᠵᠢᠬᠤ ᠲᠠᠷᠢᠶᠠᠯᠠᠬᠤ ᠤᠷᠤᠨ ᠤ  ᠮᠥᠩᠬᠦᠨ ᠬᠥᠢᠯᠬᠡᠬᠡᠨ ᠤ ᠰᠠᠭᠤᠷᠢ ᠥᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠬᠦᠯᠥᠨ᠎ᠠ᠃ ᠮᠠᠯ  ᠠᠵᠤ ᠠᠬᠤᠢ ᠲᠠᠷᠢᠶᠡᠯᠡᠩ ᠢ ᠬᠠᠷᠠᠭᠠᠯᠵᠠᠬᠤ ᠲᠥᠷᠥᠯ ᠵᠥᠢᠯ ᠤᠳ ᠢ ᠨᠢᠬᠡᠳᠥᠬᠦᠯᠤᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂  ᠮᠠᠯ ᠠᠵᠤ ᠠᠬᠤᠢ ᠲᠠᠷᠢᠶᠡᠯᠡᠩ ᠤᠨ ᠰᠠᠭᠤᠷᠢ ᠲᠥᠬᠦᠬᠡᠷᠥᠮᠵᠢ ᠶᠢᠨ ᠪᠥᠲᠥᠬᠡᠨ ᠪᠠᠶᠢᠭᠤᠯᠤᠯᠳᠠ ᠎ ᠶᠢᠨ ᠲᠥᠷᠥᠯ ᠵᠥᠢᠯ ᠢ ᠪᠠᠶᠢᠷᠢᠯᠠᠭᠤᠯᠬᠤ ᠳᠤ ᠨᠥᠬᠦᠴᠡᠯ ᠳᠤ ᠨᠡᠶᠢᠴᠡᠭᠰᠡᠨ ᠤᠳᠤ ᠥᠶ᠎ᠡ ᠶᠢᠨ ᠬᠡᠷ ᠪᠥᠯᠢ ᠶᠢᠨ ᠮᠠᠯᠵᠢᠯ ᠤᠨ ᠳᠠᠯᠠᠪᠠᠢ ︵ᠳᠤᠰᠬᠠᠢ ᠡᠷᠥᠬᠡ︶᠂ ᠬᠤᠷᠰᠢᠶᠡᠵᠢᠯ ︵ ᠬᠤᠯᠪᠤᠭᠠᠯᠠᠭᠰᠠᠨ‌ᠡᠷᠥᠬᠡ︶᠂  ᠠᠵᠤ ᠥᠢᠯᠡᠰᠵᠢᠯᠳᠡ ᠶᠢᠨ ᠳᠠᠭᠠᠭᠤᠯᠤᠭᠴᠢ ᠠᠵᠤ ᠠᠬᠤᠶᠢᠯᠠᠯ ᠵᠡᠷᠬᠡ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠵᠥᠭ ᠬᠡᠯᠪᠡᠶᠢᠯᠬᠡᠨ᠎ᠡ᠃  ᠡᠯ᠎ᠡ ᠬᠤᠰᠢᠭᠤ ᠰᠢᠶᠡᠨ ᠬᠤᠳᠠ ︵ᠤᠷᠤᠨ︶ ᠬᠢᠬᠡᠳ ᠬᠤᠯᠪᠤᠭᠳᠠᠯ ᠪᠥᠬᠦᠢ ᠰᠠᠯᠠᠭ᠎ᠠ ᠮᠥᠴᠢᠷ ᠤᠯᠤᠰ᠂  ᠥᠪᠡᠷᠳᠡᠬᠡᠨ ᠵᠠᠰᠠᠬᠤ ᠤᠷᠤᠨ ᠤ ᠥᠬᠡᠷ ᠮᠠᠯᠵᠢᠬᠤ ᠠᠵᠤ ᠥᠢᠯᠡᠰ ᠤᠨ ᠬᠥᠭᠵᠢᠯᠳᠡ ᠎ ᠶᠢᠨ ᠲᠥᠷᠥᠯ ᠵᠥᠢᠯ ᠢ ᠢᠳᠡᠪᠬᠢᠳᠡᠢ ᠬᠥᠴᠥᠯᠡᠨ ᠤᠯᠵᠤ᠂  ᠨᠡᠶᠢᠬᠡᠮ ᠤᠨ ᠪᠡᠯᠡ ᠬᠥᠷᠥᠩᠬᠡ ᠶᠢ ᠵᠢᠯᠤᠭᠤᠳᠤᠨ ᠳᠠᠳᠠᠵᠤ  ᠰᠢᠯᠢᠳᠡᠭ ᠡᠬᠦᠯᠳᠡᠷ ᠤᠨ ᠥᠬᠡᠷ  ᠮᠠᠯᠵᠢᠬᠤ ᠠᠵᠤ ᠥᠢᠯᠡᠰ ᠤᠨ ᠬᠥᠭᠵᠢᠯᠳᠡ ᠶᠢᠨ ᠠᠯᠬᠤᠮ ᠢ ᠳᠥᠷᠬᠡᠳᠬᠡᠨ᠎ᠡ᠃ ︵ᠬᠤᠶᠠᠷ︶ ᠪᠡᠯᠡ ᠤᠷᠤᠭᠤᠯᠤᠯᠳᠠ ᠶᠢᠨ ᠤᠬᠢ ᠰᠠᠶᠢᠨ ᠤᠷᠴᠢᠨ ᠳᠤᠭᠤᠷᠢᠨ ᠢ ᠡᠬᠦᠳᠥᠨ᠎ᠡ᠃  ᠡᠯ᠎ᠡ ᠬᠤᠰᠢᠭᠤ ᠰᠢᠶᠡᠨ ᠬᠤᠳᠠ ︵ᠤᠷᠤᠨ︶ ᠰᠢᠯᠢᠳᠡᠭ ᠡᠬᠦᠯᠳᠡᠷ ᠤᠨ  ᠥᠬᠡᠷ ᠮᠠᠯᠵᠢᠬᠤ ᠠᠵᠤ ᠥᠢᠯᠡᠰ ᠤᠨ ᠬᠥᠭᠵᠢᠯᠳᠡ ᠶᠢ ᠳᠤᠰ ᠭᠠᠵᠠᠷ ᠤᠷᠤᠨ ᠤ ᠳᠤᠮᠳᠠ ᠪᠠ ᠤᠷᠳᠤ  ᠬᠤᠭᠤᠴᠠᠭᠠᠨ ᠤ ᠬᠥᠭᠵᠢᠯᠳᠡ ᠶᠢᠨ ᠳᠥᠯᠥᠪᠵᠢᠬᠦᠯᠬᠡ ᠳᠡᠭᠡᠨ ᠤᠷᠤᠭᠤᠯᠵᠤ᠂  ᠰᠢᠯᠢᠳᠡᠭ ᠡᠬᠦᠯᠳᠡᠷ ᠤᠨ ᠥᠬᠡᠷ ᠮᠠᠯᠵᠢᠬᠤ ᠠᠵᠤ ᠥᠢᠯᠡᠰ ᠢ ᠬᠥᠭᠵᠢᠬᠦᠯᠬᠦ ᠤᠷᠳᠤ ᠬᠤᠭᠤᠴᠠᠭᠠᠨ ᠎ ᠤ  ᠪᠥᠲᠥᠮᠵᠢᠳᠡᠢ ᠠᠵᠢᠯ ᠤᠨ ᠳᠤᠭᠳᠠᠴᠠ ᠶᠢ ᠪᠠᠶᠢᠭᠤᠯᠤᠨ ᠪᠥᠷᠢᠨᠰᠢᠬᠦᠯᠵᠤ᠂  ᠵᠢᠯ ᠤᠨ ᠳᠥᠯᠥᠪᠯᠡᠭᠡ ᠳᠤᠭᠳᠠᠭᠠᠨ ᠬᠡᠷᠡᠭᠵᠢᠬᠦᠯᠤᠨ᠎ᠡ︔ ᠰᠢᠯᠢᠳᠡᠭ ᠡᠬᠦᠯᠳᠡᠷ ᠤᠨ ᠥᠬᠡᠷ ᠮᠠᠯᠵᠢᠬᠤ ᠠᠵᠤ ᠥᠢᠯᠡᠰ  ᠎ ᠢ ᠬᠥᠭᠵᠢᠬᠦᠯᠬᠦ ᠲᠥᠷᠥᠯ ᠵᠥᠢᠯ ᠢ ᠪᠤᠯ᠂  ᠤᠷᠢᠳᠠᠪᠠᠷ ᠬᠢᠨᠠᠨ ᠵᠥᠪᠰᠢᠶᠡᠷᠡᠬᠦ  ᠵᠠᠮ ᠢ ᠨᠡᠬᠡᠬᠡᠵᠤ᠂  ᠲᠥᠷᠥᠯ ᠵᠥᠢᠯ ᠳᠤᠭᠳᠠᠭᠠᠬᠤ᠂  ᠭᠠᠵᠠᠷ ᠨᠤᠳᠤᠭ ᠬᠡᠷᠡᠭᠯᠡᠬᠦ ᠪᠠ ᠤᠷᠴᠢᠨ ᠳᠤᠭᠤᠷᠢᠨ ᠤ ᠥᠨᠡᠯᠡᠯᠳᠡ ᠬᠢᠬᠦ ᠵᠡᠷᠬᠡ ᠪᠤᠳᠠᠳᠠᠢ ᠠᠰᠭᠤᠳᠠᠯ ᠢ ᠰᠠᠶᠢᠳᠤᠷ ᠵᠤᠬᠢᠴᠠᠭᠤᠯᠤᠨ ᠰᠢᠢᠳᠪᠤᠷᠢᠯᠡᠨ᠎ᠡ᠃  ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠳᠡᠢ ᠳᠠᠳᠠᠨ ᠤᠷᠤᠭᠤᠯᠵᠤ᠂  ᠠᠶᠢᠮᠠᠭ ᠤᠨ ᠳᠤᠳᠤᠷᠡᠬᠢ ᠪᠤᠳᠠᠳᠤ ᠬᠥᠴᠥᠨ ᠲᠠᠢ ᠠᠵᠤ ᠠᠬᠤᠶᠢᠯᠠᠯ ᠰᠢᠯᠢᠳᠡᠭ ᠡᠬᠦᠯᠳᠡᠷ ᠤᠨ ᠥᠬᠡᠷ ᠮᠠᠯᠵᠢᠬᠤ ᠠᠵᠤ ᠥᠢᠯᠡᠰ  ᠎ ᠲᠤ ᠪᠡᠯᠡ ᠤᠷᠤᠭᠤᠯᠬᠤ ᠶᠢ ᠵᠤᠷᠢᠭᠵᠢᠭᠤᠯᠵᠤ᠂  ᠵᠠᠰᠠᠭ ᠤᠨ ᠤᠷᠳᠤᠨ ᠠᠴᠠ ᠰᠠᠶᠢᠳᠤᠷ ᠥᠢᠯᠡᠴᠢᠯᠡᠨ᠂ ᠵᠢᠭᠠᠨ ᠵᠢᠯᠤᠭᠤᠳᠴᠥ᠂ ᠬᠢᠨᠠᠨ ᠬᠠᠮᠢᠶ᠋ᠶᠡᠷᠤᠨ᠎ᠡ᠃ ᠠᠵᠤ ᠠᠬᠤᠶᠢᠯᠡᠯ ᠶᠠᠳᠠᠭᠤ ᠬᠥᠴᠢᠷᠳᠡᠯᠳᠡᠢ ᠭᠠᠵᠠᠷ ᠤᠷᠤᠨ ᠳᠤ  ᠰᠢᠯᠢᠳᠡᠭ ᠡᠬᠦᠯᠳᠡᠷ ᠤᠨ ᠥᠬᠡᠷ ᠮᠠᠯᠵᠢᠬᠤ ᠠᠵᠤ ᠥᠢᠯᠡᠰ ᠢ ᠬᠥᠭᠵᠢᠬᠦᠯᠵᠤ᠂  ᠶᠠᠳᠠᠭᠤ ᠬᠥᠴᠢᠷᠳᠡᠯᠳᠡᠢ ᠮᠠᠯᠴᠢᠨ ᠲᠠᠷᠢᠶᠡᠴᠢᠨ ᠢ ᠥᠷᠬᠡᠨ ᠢᠶᠠᠷ ᠲᠠᠶᠢᠴᠢᠯᠠᠵᠤ᠂ ᠤᠷᠤᠯᠭ᠎ᠠ ᠶᠢ ᠨᠡᠮᠡᠭᠳᠡᠬᠦᠯᠥᠭᠰᠡᠨ ᠥᠷ᠎ᠡ ᠳ᠋ᠥᠩ ᠰᠠᠶᠢᠨ ᠪᠤᠯ᠂  ᠶᠠᠳᠠᠭᠤ ᠶᠢ ᠳᠡᠳᠬᠦᠬᠦ ᠳᠠᠮ ᠬᠥᠥ ᠮᠥᠩᠬᠦ ᠲᠠᠢ ᠵᠢᠬᠡᠯᠡᠯᠬᠡ ᠶᠢᠨ ᠲᠥᠷᠥᠯ ᠵᠥᠢᠯ ᠤᠨ ᠬᠥᠮᠥᠷᠬᠡ ᠳᠤ ᠤᠷᠢᠳᠠᠪᠠᠷ ᠤᠷᠤᠭᠤᠯᠵᠤ᠂  ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠤᠰᠤᠭᠠᠷ ᠳᠠᠮ ᠬᠥᠥ ᠮᠥᠩᠬᠦ ᠎ ᠲᠠᠢ ᠵᠢᠬᠡᠯᠡᠯᠬᠡ ᠪᠠᠷ ᠳᠠᠮᠵᠢᠨ᠎ᠡ᠃  ᠡᠯ᠎ᠡ ᠱᠠᠳᠤᠨ ᠤ ᠭᠠᠵᠠᠷ ᠨᠤᠳᠤᠭ ᠤᠨ ᠬᠠᠮᠢᠶᠠᠷᠤᠯᠳᠠ ᠶᠢᠨ ᠰᠠᠯᠠᠭ᠎ᠠ ᠮᠥᠴᠢᠷ ᠳᠤᠯᠤᠭᠠᠶᠢᠯᠠᠭᠴᠢ ᠠᠵᠤ ᠠᠬᠤᠶᠢᠯᠠᠯ ᠤᠨ ᠡᠵᠡᠩᠨᠡᠯᠳᠡ ᠳᠤ ᠬᠡᠷᠡᠭᠯᠡᠬᠦ  ᠭᠠᠵᠠᠷ ᠨᠤᠳᠤᠭ ᠢ ᠤᠷᠢᠳᠠᠪᠠᠷ ᠳᠤᠬᠢᠷᠠᠭᠤᠯᠵᠤ ᠂  ᠤᠷᠢᠳᠠᠪᠠᠷ ᠮᠡᠳᠡᠬᠦᠯᠥᠨ ᠵᠥᠪᠰᠢᠶᠡᠷᠡᠬᠦᠯᠵᠤ᠂  ᠳᠡᠳᠡᠨ ᠤ  ᠭᠠᠵᠠᠷ ᠨᠤᠳᠤᠭ ᠬᠡᠷᠡᠭᠯᠡᠬᠦ ᠡᠯ᠎ᠡ ᠵᠥᠢᠯ ᠤᠨ ᠰᠥᠢᠳᠬᠡᠯ ᠢ ᠤᠯᠤᠰ᠂ ᠥᠪᠡᠷᠳᠡᠬᠡᠨ ᠵᠠᠰᠠᠬᠤ ᠤᠷᠤᠨ ᠤ ᠤᠳᠤ ᠥᠶ᠎ᠡ ᠶᠢᠨ ᠮᠠᠯ ᠠᠵᠤ ᠠᠬᠤᠢ  ᠎ ᠶᠢᠨ ᠬᠥᠭᠵᠢᠯᠳᠡ ᠎ ᠶᠢ ᠳᠡᠮᠵᠢᠬᠦ ᠬᠤᠯᠪᠤᠭᠳᠠᠯ ᠪᠥᠬᠦᠢ ᠳᠤᠭᠳᠠᠭᠠᠯ ᠶᠤᠰᠤᠭᠠᠷ ᠬᠡᠷᠡᠭᠵᠢᠬᠦᠯᠥᠨ᠎ᠡ᠃  ᠥᠢᠯᠡᠳᠪᠤᠷᠢᠯᠡᠯ ᠳᠡᠭᠡᠨ315 ᠺᠢᠯᠤᠸᠠᠲ ᠠᠴᠠ ᠳᠡᠭᠡᠭᠰᠢ ᠴᠠᠬᠢᠯᠭᠠᠨ ᠬᠡᠷᠡᠭᠯᠡᠪᠡᠯ ᠳᠤᠮᠤ ᠠᠵᠤ ᠥᠢᠯᠡᠳᠪᠤᠷᠢ ᠶᠢᠨ ᠴᠠᠬᠢᠯᠭᠠᠨ ᠬᠡᠷᠡᠭᠯᠡᠬᠦ ᠥᠨ᠎ᠡ  ᠎ ᠶᠢᠨ ᠬᠠᠷᠠᠭᠠᠯᠵᠡᠯ ᠤᠨ ᠲᠥᠷᠥ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂  ᠲᠠᠷᠢᠮᠡᠯ ᠤᠨ  ᠰᠠᠭᠤᠷᠢᠨ ᠭᠠᠵᠠᠷ᠂  ᠮᠠᠯᠵᠢᠯ ᠤᠨ ᠳᠠᠯᠠᠪᠠᠢ ᠶᠢ ᠥᠢᠯᠡᠳᠪᠤᠷᠢᠯᠡᠯ ᠳᠡᠭᠡᠨ ᠴᠠᠬᠢᠯᠭᠠᠨ ᠬᠡᠷᠡᠭᠯᠡᠬᠦ ᠳᠤ ᠴᠤ ᠵᠤᠬᠢᠬᠤ ᠨᠥᠬᠦᠪᠤᠷᠢ ᠤᠯᠭᠤᠬᠤ ᠲᠥᠷᠥ ᠶᠢᠨ ᠪᠤᠳᠤᠯᠭ᠎ᠠ ᠶᠢ ᠬᠡᠷᠡᠭᠵᠢᠬᠦᠯᠥᠨ᠎ᠡ᠃  ᠭᠤᠤᠯᠳᠠᠯᠭ᠎ᠠ ᠲᠠᠢ ᠳᠤᠯᠤᠭᠠᠶᠢᠯᠠᠭᠴᠢ ᠠᠵᠤ ᠠᠬᠤᠶᠢᠯᠠᠯ ᠤᠨ ᠥᠢᠯᠡᠳᠪᠤᠷᠢᠯᠡᠯ ᠳᠡᠭᠡᠨ ᠬᠡᠷᠡᠭᠯᠡᠬᠦ ᠤᠰᠤ ᠶᠢ ᠪᠤᠯ᠂  ᠬᠤᠰᠢᠭᠤ ᠰᠢᠶᠡᠨ ᠱᠠᠳᠤᠨ ᠠᠴᠠ ᠳᠡᠭᠡᠭᠰᠢᠬᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠵᠢᠯ ᠤᠨ  ᠤᠰᠤ ᠬᠡᠷᠡᠭᠯᠡᠬᠦ ᠳᠥᠯᠥᠪᠯᠡᠭᠡ ᠶᠢ  ᠎ ᠨᠢ ᠴᠠᠭ ᠳᠤᠬᠠᠢ ᠳᠤᠨᠢ ᠬᠠᠷᠭᠤᠭᠤᠯᠵᠤ᠂  ᠤᠰᠤ ᠬᠡᠷᠡᠭᠯᠡᠬᠦ ᠶᠢ ᠪᠠᠳᠤᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠭᠤᠯᠤᠨ᠎ᠠ᠃  ᠡᠯ᠎ᠡ ᠬᠤᠰᠢᠭᠤ ᠰᠢᠶᠡᠨ ᠬᠤᠳᠠ ︵ᠤᠷᠤᠨ︶ ᠪᠤᠯᠤᠨ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂  ᠵᠠᠰᠠᠭ ᠤᠨ ᠤᠷᠳᠤᠨ ᠠᠵᠤ ᠥᠢᠯᠡᠰ ᠤᠨ ᠪᠥᠬᠦ  ᠬᠡᠯᠬᠢᠶᠡᠰᠤ ᠶᠢ ᠨᠢᠬᠡ ᠴᠤᠭᠴᠠᠵᠢᠭᠤᠯᠤᠨ ᠠᠵᠢᠯᠯᠠᠭᠤᠯᠬᠤ ᠪᠠ ᠨᠢᠬᠡᠳᠥᠬᠡᠷ ᠬᠤᠶᠠᠳᠤᠭᠠᠷ ᠭᠤᠷᠪᠡᠳᠤᠭᠠᠷ ᠠᠵᠤ ᠥᠢᠯᠡᠰ ᠢ ᠬᠥᠨᠵᠡᠬᠡᠢ ᠠᠭᠤᠰᠤᠯᠴᠠᠨ ᠬᠥᠭᠵᠢᠬᠦᠯᠬᠦ  ᠎ ᠲᠠᠢ ᠤᠶᠠᠯᠳᠤᠭᠤᠯᠵᠤ᠂  ᠨᠤᠳᠤᠭ ᠪᠡᠯᠴᠢᠬᠡᠷ ᠢ ᠬᠠᠤᠯᠢ ᠶᠤᠰᠤᠭᠠᠷ ᠵᠤᠬᠢᠰᠳᠡᠢ ᠰᠢᠯᠵᠢᠬᠦᠯᠬᠦ ᠶᠢ ᠢᠳᠡᠪᠬᠢᠳᠡᠢ ᠳᠡᠮᠵᠢᠵᠤ᠂  ᠨᠤᠳᠤᠭ ᠪᠡᠯᠴᠢᠬᠡᠷ ᠢ ᠬᠡᠪᠴᠢᠶᠡᠵᠢᠬᠦᠯᠥᠨ ᠪᠠᠷᠢᠮᠵᠢᠶᠠᠵᠢᠭᠤᠯᠤᠨ ᠡᠵᠡᠩᠨᠡᠭᠰᠡᠨ ᠬᠡᠷ ᠪᠥᠯᠢ ᠎ ᠶᠢᠨ ᠮᠠᠯᠵᠢᠯ ᠤᠨ  ᠳᠠᠯᠠᠪᠠᠢ ︵ᠳᠤᠰᠬᠠᠢ ᠡᠷᠥᠬᠡ︶᠂  ᠬᠤᠷᠰᠢᠶᠡᠵᠢᠯ ︵ᠬᠤᠯᠪᠤᠭᠠᠯᠠᠭᠰᠠᠨ ᠡᠷᠥᠬᠡ︶᠂  ᠠᠵᠤ ᠠᠬᠤᠶᠢᠯᠠᠯ  ᠎ ᠳᠤ ᠰᠢᠯᠵᠢᠬᠦᠯᠬᠦ ᠶᠢ ᠳᠥᠯᠬᠢᠨ ᠠᠬᠢᠭᠤᠯᠵᠤ᠂  ᠰᠢᠯᠢᠳᠡᠭ ᠡᠬᠦᠯᠳᠡᠷ ᠤᠨ ᠥᠬᠡᠷ  ᠮᠠᠯᠵᠢᠬᠤ ᠠᠵᠤ ᠥᠢᠯᠡᠰ ᠤᠨ ᠡᠷᠴᠢᠮᠵᠢᠬᠦᠯᠥᠭᠰᠡᠨ ᠬᠥᠭᠵᠢᠯᠳᠡ ᠶᠢ ᠠᠬᠢᠭᠤᠯᠤᠨ᠎ᠠ᠃ ︵ᠭᠤᠷᠪᠡ︶ ᠰᠢᠨᠵᠢᠯᠡᠬᠦ ᠮᠡᠷᠬᠡᠵᠢᠯ ᠤᠨ ᠳᠤᠯᠭᠠᠭᠤᠷᠢ ᠪᠤᠯᠤᠨ ᠴᠢᠳᠠᠪᠤᠷᠢᠳᠡᠨ ᠤ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠎ᠠ᠃  ᠮᠠᠯ ᠠᠵᠤ ᠠᠬᠤᠢ ᠶᠢᠨ ᠰᠢᠨᠵᠢᠯᠡᠬᠦ ᠮᠡᠷᠬᠡᠵᠢᠯ ᠤᠨ ᠳᠠᠭᠠᠭᠤᠯᠤᠭᠴᠢ ᠪᠤᠯᠤᠨ ᠰᠢᠨ᠎ᠡ ᠶᠢ ᠡᠬᠦᠳᠬᠦ ᠪᠥᠯᠬᠦᠮ ᠢ ᠶᠡᠬᠡᠪᠷ ᠳᠡᠳᠠᠨ ᠤᠷᠤᠭᠤᠯᠬᠤ ᠪᠠ  ᠬᠥᠮᠥᠵᠢᠬᠦᠯᠵᠤ᠂  ᠤᠳᠤ ᠥᠶ᠎ᠡ ᠶᠢᠨ ᠮᠠᠯ ᠠᠵᠤ ᠠᠬᠤᠢ ᠶᠢᠨ ᠬᠠᠮᠢᠶᠠᠷᠤᠯᠳᠠ ᠶᠢᠨ ᠴᠢᠳᠠᠪᠤᠷᠢᠳᠠᠨ ᠪᠤᠯᠤᠨ ᠢᠴᠡᠬᠡᠯ ᠥᠷ᠎ᠡ ᠶᠢᠨ ᠬᠡᠬᠡᠯᠳᠥᠬᠦᠯᠬᠡ  ᠬᠢᠬᠦ᠂  ᠬᠢᠵᠢᠭ ᠬᠡᠮ ᠰᠡᠷᠬᠡᠶᠢᠯᠡᠬᠦ ᠵᠡᠷᠬᠡ ᠬᠡᠷᠡᠭᠯᠡᠬᠡᠨ ᠤ  ᠮᠡᠷᠬᠡᠵᠢᠯ ᠤᠨ ᠴᠢᠳᠠᠪᠤᠷᠢᠳᠠᠨ ᠤ  ᠡᠩᠨᠡᠬᠡᠨ ᠤ ᠪᠠᠶᠢᠭᠤᠯᠤᠯᠳᠠ ᠶᠢ  ᠰᠠᠶᠢᠳᠤᠷ ᠠᠳᠬᠤᠵᠤ᠂  ᠰᠢᠯᠢᠳᠡᠭ ᠡᠬᠦᠯᠳᠡᠷ ᠤᠨ ᠥᠬᠡᠷ ᠮᠠᠯᠵᠢᠬᠤ  ᠠᠵᠤ ᠥᠢᠯᠡᠰ ᠤᠨ ᠬᠥᠭᠵᠢᠯᠳᠡ ᠳᠤ  ᠤᠶᠤᠨ ᠤ ᠳᠡᠮᠵᠢᠯᠬᠡ ᠥᠵᠡᠬᠦᠯᠬᠦ ᠴᠢᠳᠠᠪᠤᠷᠢ ᠶᠢ ᠥᠨᠡᠨᠬᠦ ᠳᠡᠭᠡᠭᠰᠢᠯᠡᠬᠦᠯᠥᠨ᠎ᠠ᠃  ᠤᠯᠤᠰ ᠤᠨ ᠲᠠᠷᠢᠶᠠᠯᠠᠩ ᠤᠨ ᠶᠠᠮᠤᠨ ᠤ ᠥᠬᠡᠷ ᠮᠠᠯᠵᠢᠬᠤ ᠠᠵᠤ ᠥᠢᠯᠡᠰ ᠤᠨ ᠮᠡᠷᠬᠡᠵᠢᠯ ᠤᠨ  ᠰᠢᠰᠲ᠋ᠧᠮ  ᠪᠤᠯᠤᠨ ᠬᠤᠯᠪᠤᠭᠳᠠᠯ ᠪᠥᠬᠦᠢ ᠡᠷᠳᠡᠮ ᠰᠢᠨᠵᠢᠯᠡᠬᠡᠨ ᠤ ᠪᠠᠶᠢᠭᠤᠯᠤᠮᠵᠢ ᠲᠠᠢ ᠢᠳᠡᠪᠬᠢᠳᠡᠢ ᠬᠠᠮᠵᠢᠯᠴᠠᠵᠤ᠂  ᠬᠤᠯᠪᠤᠭᠠᠯᠠᠨ ᠰᠢᠪᠳᠤᠯᠤᠯᠳᠠ ᠬᠢᠬᠦ ᠡᠷᠴᠢᠮ ᠎ ᠢᠶᠠᠨ ᠴᠢᠩᠭᠠᠷᠠᠭᠤᠯᠵᠤ᠂  ᠲᠡᠷᠢᠬᠦᠨ ᠤ  ᠮᠡᠷᠬᠡᠵᠢᠯ ᠢ ᠰᠤᠳᠤᠯᠤᠨ ᠨᠡᠬᠡᠬᠡᠬᠦ ᠪᠠ ᠳᠡᠯᠬᠡᠷᠡᠬᠦᠯᠥᠨ ᠬᠡᠷᠡᠭᠯᠡᠬᠦ ᠶᠢ ᠳᠥᠷᠬᠡᠳᠬᠡᠵᠤ᠂  ᠠᠶᠥᠯᠬᠦᠢ ᠥᠨᠳᠥᠷ ᠥᠷ᠎ᠡ ᠠᠰᠢᠭᠳᠡᠢ ᠠᠷᠠᠴᠢᠯᠠᠨ ᠮᠠᠯᠵᠢᠬᠤ᠂  ᠰᠠᠶᠢᠨ ᠡᠬᠦᠯᠳᠡᠷ  ᠎ ᠢ ᠥᠷᠡᠵᠢᠬᠦᠯᠥᠨ ᠪᠤᠶᠢᠵᠢᠭᠤᠯᠬᠤ᠂  ᠲᠡᠵᠢᠬᠡᠯ ᠡᠪᠡᠰᠤ ᠪᠤᠷᠳᠤᠭ᠎ᠠ ᠲᠠᠷᠢᠬᠤ ᠵᠡᠷᠬᠡ ᠭᠤᠤᠯ ᠮᠡᠷᠬᠡᠵᠢᠯ ᠢ ᠪᠠᠭᠳᠠᠭᠠᠭᠰᠠᠨ ᠵᠤᠬᠢᠴᠠᠩᠭᠤᠢ ᠮᠡᠷᠬᠡᠵᠢᠯ ᠤᠨ ᠳᠥᠷᠢᠮ ᠢ ᠳᠤᠭᠳᠠᠭᠠᠨ᠂  ᠥᠬᠡᠷ ᠮᠠᠯᠵᠢᠬᠤ ᠠᠵᠤ ᠥᠢᠯᠡᠰ ᠤᠨ ᠬᠥᠭᠵᠢᠯᠳᠡ ᠳᠤ ᠬᠥᠴᠥᠳᠡᠢ ᠮᠡᠷᠬᠡᠵᠢᠯ ᠤᠨ  ᠳᠡᠮᠵᠢᠯᠬᠡ ᠬᠠᠩᠭᠠᠨ᠎ᠠ᠃  ᠰᠢᠯᠢ ᠶᠢᠨ ᠭᠤᠤᠯ ᠠᠵᠢᠯ ᠮᠡᠷᠬᠡᠵᠢᠯ ᠤᠨ ᠳᠡᠭᠡᠳᠤ ᠰᠤᠷᠭᠠᠭᠤᠯᠢ ᠳᠤ  ᠨᠡᠶᠢᠳᠡᠨ᠂  ᠮᠠᠯᠴᠢᠨ ᠲᠡᠷᠢᠶᠡᠴᠢᠨ ᠤ  ᠬᠡᠷᠡᠭᠯᠡᠬᠡᠨ ᠤ  ᠮᠡᠷᠬᠡᠵᠢᠯ ᠤᠨ ᠪᠤᠯᠪᠠᠰᠤᠷᠠᠯ ᠤᠨ ᠡᠷᠴᠢᠮ ᠎ ᠢᠶᠠᠨ ᠴᠢᠩᠭᠠᠷᠠᠭᠤᠯᠵᠤ᠂  ᠤᠯᠠᠨ  ᠵᠥᠢᠯ ᠤᠨ ᠠᠷᠭ᠎ᠠ  ᠎ ᠪᠠᠷ ᠵᠢᠯ ᠪᠤᠯᠭᠠᠨ ᠮᠠᠯᠴᠢᠨ ᠲᠠᠷᠢᠶᠡᠴᠢᠨ ᠬᠢᠬᠡᠳ ᠳᠤᠰᠬᠠᠢ ᠮᠡᠷᠬᠡᠵᠢᠯᠳᠡᠨ ᠳᠤ 0.5 ᠳᠥᠮᠡᠨ ᠬᠥᠮᠥᠨ ᠤᠳᠠᠭ᠎ᠠ ᠠᠴᠠ ᠳᠡᠭᠡᠭᠰᠢ ᠪᠤᠯᠪᠠᠰᠤᠷᠠᠯ ᠬᠢᠨ᠎ᠠ᠃ ᠮᠠᠯ ᠠᠵᠤ ᠠᠬᠤᠢ ᠲᠠᠷᠢᠶᠡᠯᠡᠩ ᠤᠨ  ᠰᠢᠨᠵᠢᠡᠯᠬᠦ ᠮᠡᠷᠬᠡᠵᠢᠯ ᠤᠨ ᠥᠢᠯᠡᠴᠢᠯᠡᠬᠡᠨ ᠤ  ᠰᠢᠰᠲ᠋ᠧᠮᠵᠢ ᠶᠢ ᠪᠠᠶᠢᠭᠤᠯᠤᠨ ᠪᠥᠷᠢᠨᠰᠢᠬᠦᠯᠵᠤ᠂   ᠮᠡᠷᠬᠡᠵᠢᠯ ᠢ ᠬᠥᠳᠡᠭᠡ  ᠪᠠᠭᠤᠯᠭᠠᠵᠤ᠂  ᠳᠤᠬᠠᠢ ᠶᠢᠨ  ᠭᠠᠵᠠᠷ ᠲᠤ ᠬᠥᠷᠴᠥ ᠵᠢᠭᠠᠨ ᠵᠢᠯᠤᠭᠤᠳᠬᠤ ᠪᠠᠷ ᠳᠠᠮᠵᠢᠨ᠂  ᠥᠬᠡᠷ ᠠᠷᠠᠴᠢᠯᠠᠨ ᠮᠠᠯᠵᠢᠬᠤ ᠮᠡᠷᠬᠡᠵᠢᠯ᠂  ᠬᠢᠵᠢᠭ ᠬᠡᠮ ᠰᠡᠷᠬᠡᠶᠢᠯᠡᠨ ᠵᠠᠰᠠᠬᠤ ᠮᠡᠷᠬᠡᠵᠢᠯ ᠪᠤᠯᠤᠨ ᠲᠡᠵᠢᠬᠡᠯ ᠡᠪᠡᠰᠤ ᠪᠤᠷᠳᠤᠭ᠎ᠠ ᠲᠠᠷᠢᠬᠤ ᠮᠡᠷᠬᠡᠵᠢᠯ ᠢ ᠪᠥᠬᠦ ᠳᠠᠯ᠎ᠠ ᠪᠠᠷ ᠳᠡᠯᠬᠡᠷᠡᠬᠦᠯᠵᠤ᠂  ᠥᠷᠬᠡᠨ ᠤᠯᠠᠨ ᠮᠠᠯᠴᠢᠨ ᠲᠠᠷᠢᠶᠡᠴᠢᠨ ᠤ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠮᠠᠯᠵᠢᠬᠤ ᠳᠥᠪᠰᠢᠨ ᠢ ᠳᠡᠭᠡᠭᠰᠢᠯᠡᠬᠦᠯᠥᠨ᠎ᠠ᠃  ᠺᠠᠳ᠋ᠷᠴᠤᠳ ᠲᠤ ᠮᠠᠯ ᠠᠵᠤ ᠠᠬᠤᠢ ᠶᠢᠨ ᠬᠠᠩᠭᠠᠯᠭ᠎ᠠ ᠶᠢᠨ ᠳᠠᠯ᠎ᠠ ᠶᠢᠨ ᠪᠥᠲᠥᠴᠡ ᠶᠢᠨ ᠴᠢᠨᠡᠷᠳᠡᠢ ᠥᠬᠡᠷᠡᠴᠢᠯᠡᠯᠳᠡ᠂  ᠤᠳᠤ ᠥᠶ᠎ᠡ ᠶᠢᠨ ᠮᠠᠯ ᠠᠵᠤ ᠠᠬᠤᠢ ᠶᠢᠨ ᠠᠵᠤ ᠥᠢᠯᠡᠰ ᠤᠨ ᠤᠨᠤᠯ ᠲᠥᠷᠥ ᠶᠢᠨ ᠪᠤᠳᠤᠯᠭ᠎ᠠ ᠵᠡᠷᠬᠡ ᠳᠠᠯ᠎ᠠ ᠪᠠᠷ ᠬᠢ ᠬᠥᠮᠥᠵᠢᠯ ᠪᠤᠯᠪᠠᠰᠤᠷᠠᠯ ᠢ ᠴᠢᠩᠭᠠᠳᠬᠠᠵᠤ᠂  ᠺᠠᠳ᠋ᠷᠴᠤᠳ ᠤᠨ ᠥᠬᠡᠷᠡᠴᠢᠯᠡᠯᠳᠡ ᠶᠢᠨ  ᠥᠵᠡᠯ ᠤᠬᠠᠮᠰᠠᠷ᠂  ᠲᠥᠷᠥ ᠶᠢᠨ ᠪᠤᠳᠤᠯᠭ᠎ᠠ ᠶᠢᠨ ᠳᠥᠪᠰᠢᠨ ᠪᠤᠯᠤᠨ ᠤᠳᠤ ᠥᠶ᠎ᠡ ᠶᠢᠨ ᠮᠠᠯ ᠠᠵᠤ ᠠᠬᠤᠢ ᠶᠢᠨ ᠬᠥᠭᠵᠢᠯᠳᠡ ᠶᠢ ᠳᠥᠯᠬᠢᠨ ᠠᠬᠢᠭᠤᠯᠬᠤ  ᠴᠢᠳᠠᠪᠤᠷᠢ ᠶᠢ ᠤᠯᠠᠮ ᠳᠡᠭᠡᠭᠰᠢᠯᠡᠬᠦᠯᠥᠨ᠎ᠠ᠃ ︵ᠳᠥᠷᠪᠡ︶ ᠰᠤᠷᠳᠠᠯ ᠤᠬᠠᠭᠤᠯᠭ᠎ᠠ ᠶᠢ ᠴᠢᠩᠭᠠᠳᠬᠠᠨ᠎ᠠ᠃   ᠶᠠᠭᠤᠨ ᠳᠤ ᠤᠳᠤ ᠥᠶ᠎ᠡ ᠶᠢᠨ ᠮᠠᠯ ᠠᠵᠤ ᠠᠬᠤᠢ ᠎ ᠶᠢ ᠬᠥᠭᠵᠢᠬᠦᠯᠬᠦ ᠪᠤᠢ᠂  ᠶᠠᠭᠠᠬᠢᠭᠠᠳ ᠠᠵᠤ ᠥᠢᠯᠡᠰ ᠤᠨ ᠬᠡᠯᠪᠡᠷᠢ ᠶᠢ ᠬᠤᠪᠢᠷᠠᠭᠤᠯᠬᠤ ᠪᠠ ᠪᠥᠲᠥᠴᠡ ᠶᠢ ᠳᠤᠬᠢᠷᠠᠭᠤᠯᠬᠤ ᠳᠤ  ᠰᠢᠯᠢᠳᠡᠭ ᠡᠬᠦᠯᠳᠡᠷ ᠤᠨ ᠥᠬᠡᠷ  ᠮᠠᠯᠵᠢᠬᠤ ᠠᠵᠤ ᠥᠢᠯᠡᠰ ᠢᠶᠠᠷ ᠭᠤᠤᠯ ᠰᠢᠪᠳᠤᠯᠠᠬᠤ ᠴᠢᠭᠯᠡᠯ ᠪᠠ  ᠰᠢᠪᠳᠤᠯᠤᠯᠳᠠ ᠶᠢᠨ ᠴᠢᠭ᠋  ᠪᠤᠯᠭᠠᠬᠤ ᠪᠤᠢ᠂  ᠵᠢᠴᠢ ᠤᠳᠤ ᠥᠶ᠎ᠡ ᠶᠢᠨ ᠮᠠᠯ ᠠᠵᠤ ᠠᠬᠤᠢ ᠶᠢ ᠬᠥᠭᠵᠢᠬᠦᠯᠬᠦ ᠬᠢᠬᠡᠳ ᠳᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠶᠢᠨ ᠬᠠᠷᠢᠴᠠᠭ᠎ᠠ᠂  ᠶᠠᠳᠠᠭᠤ ᠠᠴᠠ ᠠᠩᠬᠢᠵᠢᠷᠠᠭᠤᠯᠵᠤ ᠪᠠᠶᠠᠵᠢᠭᠤᠯᠤᠨ ᠴᠢᠨᠡᠬᠡᠯᠢᠭᠵᠢᠬᠦᠯᠬᠦ ᠶᠢᠨ ᠬᠠᠷᠢᠴᠠᠭ᠎ᠠ᠂  ᠬᠢᠯᠢ ᠬᠢᠵᠠᠭᠠᠷ ᠤᠨ ᠠᠮᠤᠷ ᠳᠠᠶᠢᠪᠤᠩ ᠤᠨ ᠬᠠᠷᠢᠴᠠᠭ᠎ᠠ ᠵᠡᠷᠬᠡ ᠶᠢ ᠭᠤᠤᠯᠳᠠᠯᠭ᠎ᠠ ᠲᠠᠢ ᠰᠠᠶᠢᠳᠤᠷ ᠤᠬᠠᠭᠤᠯᠤᠨ᠎ᠠ᠃  ᠡᠯ᠎ᠡ ᠵᠥᠢᠯ ᠤᠨ ᠰᠤᠨᠢᠨ ᠮᠡᠳᠡᠬᠡᠨ ᠤ  ᠵᠠᠭᠤᠴᠢᠯᠠᠭᠤᠷ ᠪᠤᠯᠤᠨ ᠠᠮᠢᠳᠤᠯᠢᠭ ᠤᠯᠠᠨ ᠵᠥᠢᠯ ᠤᠨ ᠤᠬᠠᠭᠤᠯᠭ᠎ᠠ ᠶᠢᠨ ᠬᠡᠯᠪᠡᠷᠢ ᠶᠢ ᠬᠥᠢᠴᠡᠳ ᠠᠰᠢᠭᠯᠠᠵᠤ᠂  ᠵᠢᠷᠤᠭ ᠳᠠᠶᠢᠯᠤᠮᠵᠢ ᠶᠢ ᠬᠠᠪᠰᠤᠷᠭᠠᠭᠰᠠᠨ ᠤᠬᠠᠭᠤᠯᠭ᠎ᠠ ᠶᠢᠨ ᠭᠠᠷ ᠠᠪᠤᠯᠭ᠎ᠠ ᠶᠢ ᠲᠠᠷᠤᠮᠠᠯᠯᠠᠨ ᠥᠢᠯᠡᠳᠴᠥ᠂  ᠪᠥᠲᠥᠮᠵᠢᠳᠡᠢ ᠠᠷᠭ᠎ᠠ ᠪᠠᠷᠢᠯ ᠪᠤᠯᠤᠨ ᠨᠡᠶᠢᠳᠡᠯᠢᠭ ᠳᠤᠷᠰᠢᠯᠭ᠎ᠠ ᠶᠢ ᠤᠬᠠᠭᠤᠯᠵᠤ᠂  ᠰᠢᠯᠢᠳᠡᠭ ᠡᠬᠦᠯᠳᠡᠷ ᠤᠨ ᠥᠬᠡᠷ ᠮᠠᠯᠵᠢᠬᠤ ᠬᠡᠪ ᠵᠠᠭᠪᠤᠷ᠂  ᠰᠢᠨᠵᠢᠯᠡᠬᠦ ᠤᠬᠠᠭᠠᠨᠴᠢ ᠪᠠᠷ ᠠᠷᠠᠴᠢᠯᠠᠬᠤ ᠠᠷᠭ᠎ᠠ ᠮᠡᠷᠬᠡᠵᠢᠯ  ᠎ ᠢ ᠠᠮᠢᠳᠤᠯᠢᠭ ᠢᠶᠠᠷ ᠳᠠᠶᠢᠯᠪᠤᠷᠢᠯᠡᠨ᠎ᠡ᠃  ᠭᠠᠴᠠᠭ᠎ᠠ ᠳᠤᠰᠬᠤᠨ ᠤ  ︽ᠬᠤᠶᠠᠷ ᠵᠥᠪᠯᠡᠯ︾  ᠂  ᠨᠠᠮ ᠤᠨ ᠬᠡᠰᠢᠬᠦᠨ ᠭᠤᠤᠯ ᠡᠷᠥᠬᠡ ᠶᠢᠨ ᠵᠢᠯᠤᠭᠤᠳᠤᠨ ᠳᠠᠭᠠᠭᠤᠯᠬᠤ ᠥᠢᠯᠡᠳᠥᠯ ᠢ ᠬᠥᠢᠴᠡᠳ ᠪᠠᠳᠠᠷᠠᠭᠤᠯᠵᠤ᠂  ᠮᠠᠯᠴᠢᠨ ᠲᠠᠷᠢᠶᠠᠴᠢᠨ ᠮᠠᠯᠵᠢᠯ ᠤᠨ ᠡᠷᠥᠬᠡ ᠶᠢᠨ ᠭᠤᠤᠯ ᠴᠤᠭᠴᠠ ᠶᠢᠨ ᠥᠢᠯᠡᠳᠥᠯ᠂ ᠮᠠᠯᠴᠢᠨ ᠲᠠᠷᠢᠶᠡᠴᠢᠨ ᠴᠢᠳᠠᠪᠤᠷᠢᠳᠡᠨ ᠤ ᠳᠠᠶᠢᠴᠢᠯᠠᠬᠤ ᠥᠢᠯᠡᠳᠥᠯ ᠢ ᠪᠠᠳᠠᠷᠠᠭᠤᠯᠵᠤ᠂  ᠳᠠᠩᠰᠠ  ᠪᠤᠳᠤᠨ ᠬᠠᠷᠢᠴᠠᠭᠤᠯᠬᠤ᠂  ᠨᠡᠶᠢᠳᠡᠯᠢᠭ ᠵᠢᠱᠢᠶ᠎ᠡ ᠪᠠᠷ ᠳᠠᠭᠠᠭᠤᠯᠬᠤ᠂  ᠵᠢᠱᠢᠶ᠎ᠡ ᠥᠵᠡᠬᠦᠯᠥᠨ ᠳᠠᠶᠢᠴᠢᠯᠠᠬᠤ ᠎ ᠪᠠᠷ ᠳᠡᠮᠵᠢᠨ᠂  ᠮᠠᠯᠴᠢᠨ ᠲᠠᠷᠢᠶᠡᠴᠢᠨ ᠢ ᠵᠢᠯᠤᠭᠤᠳᠤᠨ ᠥᠵᠡᠯ ᠰᠠᠨᠠᠭ᠎ᠠ ᠪᠠᠨ ᠴᠢᠯᠥᠬᠡᠯᠡᠵᠤ᠂  ᠥᠵᠡᠯᠳᠡ ᠳᠠᠨᠢᠯᠳᠡ ᠎ ᠪᠠᠨ ᠬᠤᠪᠢᠷᠠᠭᠤᠯᠵᠤ᠂  ᠤᠷ᠎ᠡ ᠮᠡᠷᠬᠡᠵᠢᠯ ᠢᠶᠠᠨ ᠳᠡᠭᠡᠭᠰᠢᠯᠡᠬᠦᠯᠵᠤ᠂  ᠰᠢᠯᠢᠳᠡᠭ ᠡᠬᠦᠯᠳᠡᠷ ᠤᠨ ᠥᠬᠡᠷ ᠮᠠᠯᠵᠢᠬᠤ ᠠᠵᠤ ᠥᠢᠯᠡᠰ  ᠎ ᠢ ᠬᠥᠭᠵᠢᠬᠦᠯᠬᠦ ᠳᠤ ᠬᠥᠴᠥᠳᠡᠢ ᠶᠠᠷᠢᠶ᠎ᠡ ᠬᠡᠯᠡᠯᠴᠡᠬᠡᠨ ᠤ  ᠳᠡᠮᠵᠢᠯᠬᠡ ᠬᠠᠩᠭᠠᠨ᠎ᠠ᠃  ᠰᠢᠯᠢ ᠶᠢᠨ ᠭᠤᠤᠯ ᠤᠨ ᠰᠢᠯᠢᠳᠡᠭ ᠡᠬᠦᠯᠳᠡᠷ ᠤᠨ ᠥᠬᠡᠷ ᠮᠠᠯᠵᠢᠬᠤ ᠠᠵᠤ ᠥᠢᠯᠡᠰ ᠪᠤᠯᠤᠨ ᠰᠢᠯᠢ ᠶᠢᠨ ᠭᠤᠤᠯ ᠤᠨ ᠪᠤᠬᠢᠷᠳᠤᠯ ᠥᠬᠡᠢ ᠨᠡᠷᠡᠳᠤ ᠳᠡᠮᠳᠡᠭᠳᠤ ᠶᠢᠨ ᠭᠠᠳᠠᠭᠰᠢ ᠤᠬᠠᠭᠤᠯᠭ᠎ᠠ ᠶᠢ ᠴᠢᠩᠭᠠᠳᠬᠠᠵᠤ᠂  ᠤᠯᠤᠰ ᠤᠨ ᠳᠤᠳᠤᠭᠠᠳᠤ ᠭᠠᠳᠠᠭᠠᠳᠤ ᠳᠠᠬᠢ ᠨᠥᠯᠥᠬᠡ ᠪᠠ ᠨᠡᠷ᠎ᠡ ᠠᠯᠳᠠᠷᠰᠢᠯ ᠢ ᠳᠠᠰᠤᠷᠠᠯᠳᠠ ᠥᠬᠡᠢ ᠥᠷᠬᠡᠳᠬᠡᠨ᠎ᠡ᠃ ︵ᠳᠠᠪᠤ︶  ᠬᠢᠨᠡᠯᠳᠡ ᠳᠠᠯᠪᠢᠵᠤ ᠰᠢᠯᠭᠠᠨ ᠪᠠᠶᠢᠴᠠᠭᠠᠬᠤ ᠶᠢ ᠴᠢᠩᠭᠠᠳᠬᠠᠨ᠎ᠠ᠃  ᠰᠢᠯᠢᠳᠡᠭ ᠡᠬᠦᠯᠳᠡᠷ ᠤᠨ ᠥᠬᠡᠷ  ᠮᠠᠯᠵᠢᠬᠤ ᠠᠵᠤ ᠥᠢᠯᠡᠰ ᠢ ᠬᠥᠭᠵᠢᠬᠦᠯᠬᠦ ᠠᠵᠢᠯ ᠢ ᠪᠥᠬᠦ ᠠᠶᠢᠮᠠᠭ ᠤᠨ ᠨᠠᠮ ᠤᠨ ᠬᠤᠷᠢᠶ᠎ᠡ᠂  ᠵᠠᠰᠠᠭ ᠤᠨ ᠤᠷᠳᠤᠨ ᠎ ᠤ ᠠᠵᠢᠯ ᠤᠨ ᠪᠤᠳᠠᠳᠤ ᠠᠮᠵᠢᠯᠳᠡ ᠶᠢ ᠰᠢᠯᠭᠠᠨ ᠥᠨᠡᠯᠡᠬᠦ ᠠᠭᠤᠯᠭ᠎ᠠ ᠳᠤ ᠤᠷᠤᠭᠤᠯᠵᠤ᠂  ᠪᠤᠳᠠᠳᠠᠢ ᠬᠢᠨᠠᠨ ᠰᠢᠯᠭᠠᠵᠤ ᠥᠨᠡᠯᠡᠬᠦ ᠠᠷᠭ᠎ᠠ ᠶᠢ ᠶᠠᠷᠢᠯᠴᠠᠨ ᠳᠤᠭᠳᠠᠭᠠᠵᠤ᠂  ᠡᠯ᠎ᠡ ᠭᠠᠵᠠᠷ ᠤᠷᠤᠨ  ᠡᠯ᠎ᠠ  ᠰᠠᠯᠠᠭ᠎ᠠ ᠮᠥᠴᠢᠷ ᠤᠨ ᠠᠵᠢᠯ ᠤᠨ ᠠᠬᠢᠭᠤᠯᠤᠯᠳᠠ ᠨᠠᠶᠢᠳᠠᠪᠤᠷᠢᠵᠢᠭᠤᠯᠤᠯᠳᠠ ᠳᠠᠬᠢ ᠬᠢᠨᠠᠨ ᠪᠠᠶᠢᠴᠠᠭᠠᠯᠳᠠ ᠶᠢ ᠴᠢᠩᠭᠠᠳᠬᠠᠨ᠎ᠠ᠃  ᠤᠳᠤᠷᠢᠳᠬᠤ ᠺᠠᠳ᠋ᠷ ᠤᠨ ᠡᠬᠦᠷᠬᠡ ᠬᠠᠷᠠᠯᠳᠠ ᠶᠢᠨ ᠬᠠᠷᠢᠭᠤᠴᠠᠯᠭ᠎ᠠ ᠶᠢᠨ ᠳᠥᠷᠢᠮ ᠢ ᠪᠠᠶᠢᠭᠤᠯᠤᠨ ᠪᠥᠷᠢᠨᠰᠢᠬᠦᠯᠵᠤ᠂  ᠡᠯ᠎ᠡ ᠬᠤᠰᠢᠭᠤ ᠰᠢᠶᠡᠨ ᠬᠤᠳᠠ ︵ᠤᠷᠤᠨ︶ ᠪᠤᠯᠤᠨ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠨᠢ ᠬᠠᠷᠠᠯᠳᠠ ᠡᠬᠦᠷᠬᠡ ᠪᠠᠨ ᠥᠨᠳᠥᠰᠥᠯᠠᠵᠤ ᠵᠢᠯ ᠤᠨ  ᠬᠡᠷᠡᠭᠵᠢᠬᠦᠯᠬᠦ ᠰᠠᠨᠠᠯ ᠪᠠ ᠠᠵᠢᠯ ᠤᠨ  ᠳᠥᠰᠥᠯ ᠳᠤᠭᠳᠠᠭᠠᠵᠤ᠂  ᠡᠯ᠎ᠡ  ᠲᠥᠷᠥᠯ ᠤᠨ ᠠᠵᠢᠯ ᠢ ᠭᠠᠵᠠᠷ ᠤᠷᠤᠨ᠂  ᠰᠠᠯᠠᠭ᠎ᠠ ᠮᠥᠴᠢᠷ ᠪᠤᠯᠤᠨ ᠬᠠᠷᠢᠭᠤᠴᠠᠬᠤ ᠬᠥᠮᠥᠨ ᠳᠤ ᠬᠥᠷᠳᠡᠯ᠎ᠡ ᠬᠤᠪᠢᠶᠡᠷᠢᠯᠡᠨ ᠨᠠᠶᠢᠳᠠᠪᠤᠷᠢᠵᠢᠭᠤᠯᠵᠤ᠂  ᠠᠵᠢᠯ ᠤᠨ ᠳᠤᠭᠳᠠᠴᠠ ᠶᠢ ᠰᠢᠨᠡᠳᠬᠡᠵᠤ᠂  ᠢᠵᠢ ᠪᠥᠷᠢᠳᠥᠭᠰᠡᠨ ᠲᠥᠷᠥ ᠎ ᠶᠢᠨ ᠪᠤᠳᠤᠯᠭ᠎ᠠ ᠶᠢ ᠳᠡᠬᠦᠯᠳᠡᠷᠵᠢᠬᠦᠯᠵᠤ᠂  ᠵᠤᠬᠢᠶᠠᠨ ᠪᠠᠶᠢᠭᠤᠯᠤᠨ ᠬᠡᠷᠡᠭᠵᠢᠬᠦᠯᠬᠦ ᠡᠷᠴᠢᠮ ᠢᠶᠠᠨ ᠴᠢᠩᠭᠠᠷᠠᠭᠤᠯᠵᠤ᠂  ᠭᠤᠤᠯᠳᠠᠯᠭ᠎ᠠ ᠲᠠᠢ ᠡᠬᠦᠷᠬᠡ ᠶᠢ ᠪᠡᠶᠡᠯᠡᠬᠦᠯᠥᠭᠰᠡᠨ ᠪᠠᠶᠢᠳᠠᠯ ᠢ ᠬᠢᠨᠠᠨ ᠰᠢᠯᠭᠠᠵᠤ ᠥᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠵᠤ᠂  ᠱᠠᠩᠨᠠᠵᠤ ᠳᠤᠷᠭᠠᠬᠤ ᠶᠢ ᠬᠡᠷᠡᠭᠵᠢᠬᠦᠯᠤᠨ᠎ᠡ᠃  ᠠᠵᠤ ᠥᠢᠯᠡᠰ ᠤᠨ ᠬᠥᠭᠵᠢᠯᠳᠡ ᠶᠢᠨ ᠪᠥᠬᠦ ᠶᠠᠪᠤᠴᠠ ᠪᠡ ᠭᠤᠭᠴᠤᠭ᠎ᠠ ᠳᠤ ᠬᠤᠯᠪᠤᠭᠳᠠᠬᠤ  ᠳᠥᠷᠢᠮ ᠢ ᠳᠤᠭᠳᠠᠭᠠᠨ  ᠳᠡᠬᠦᠯᠳᠡᠷᠵᠢᠬᠦᠯᠵᠤ᠂  ᠬᠢᠨᠡᠯᠳᠡ ᠲᠠᠯᠪᠢᠬᠤ ᠳᠤᠭᠳᠠᠴᠠ ᠶᠢ ᠪᠠᠶᠢᠭᠤᠯᠤᠨ ᠪᠥᠷᠢᠨᠰᠢᠬᠦᠯᠵᠤ᠂  ᠮᠥᠷᠳᠡᠨ ᠨᠡᠬᠡᠮᠵᠢᠯᠡᠵᠤ ᠬᠢᠨᠡᠨ ᠪᠤᠳᠤᠵᠤ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂  ᠵᠤᠷᠢᠭᠤᠳᠠ ᠬᠠᠷᠰᠢᠯᠡᠬᠤ ᠶᠢ ᠡᠬᠢ ᠢᠷᠡᠯᠳᠡ ᠠᠴᠠ ᠨᠢ ᠬᠤᠷᠢᠭᠯᠠᠬᠤ  ᠪᠠ ᠪᠠᠭᠠᠰᠬᠠᠵᠤ᠂  ᠲᠥᠷᠥᠯ ᠵᠥᠢᠯ ᠤᠨ ᠪᠥᠲᠥᠬᠡᠨ ᠪᠠᠶᠢᠭᠤᠯᠤᠯᠳᠠ ᠶᠢᠨ ᠶᠠᠪᠤᠴᠠ ᠳᠤ  ᠢᠯᠵᠡᠷᠡᠮᠡᠯ  ᠶᠠᠪᠤᠳᠠᠯ ᠢᠯᠡᠷᠡᠬᠦ ᠶᠢ ᠰᠡᠷᠬᠡᠶᠢᠡᠯᠵᠤ᠂  ᠰᠢᠯᠢᠳᠡᠭ ᠡᠬᠦᠯᠳᠡᠷ ᠤᠨ ᠥᠬᠡᠷ ᠮᠠᠯᠵᠢᠬᠤ ᠠᠵᠤ ᠥᠢᠯᠡᠰ  ᠎ ᠢ ᠡᠷᠡᠬᠦᠯ  ᠡᠮᠬᠢ ᠲᠢᠭᠯᠢᠮ ᠲᠠᠢ  ᠬᠥᠭᠵᠢᠬᠦᠯᠬᠦ ᠶᠢ ᠪᠠᠳᠤᠯᠠᠨ᠎ᠠ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号