ᠰᠢᠯᠢ ᠶᠢᠨ ᠬᠤᠲᠠ ᠶᠢᠨ ᠮᠣᠩᠭᠤᠯ ᠦᠡᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/7/28
    ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠮᠣᠷᠢᠨ ᠤ ᠨᠢᠷᠣᠭᠤᠨ ᠳᠡᠭᠡᠷᠡᠬᠢ ᠰᠣᠷᠭᠠᠭᠤᠯᠢ ᠠᠴᠠ ᠰᠠᠭᠤᠷᠢᠰᠢᠨ ᠳᠣᠭᠲᠠᠨᠢᠵᠤ ᠯᠠᠪᠳᠠᠭᠤᠨ ᠢᠶᠠᠷ ᠬᠥᠭᠵᠢᠭᠰᠡᠨ ᠶᠤᠮ᠃     ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠣᠭᠠᠷ ᠪᠥᠭᠦᠳᠡ ᠬᠤᠷᠠᠯᠳᠣᠭᠠᠨ ᠤ ᠱᠣᠭᠤᠮ᠂ ᠴᠢᠭᠯᠡᠯᠲᠡ᠂ ᠲᠦᠷᠥ ᠶᠢᠨ ᠪᠣᠳᠣᠯᠭ᠎ᠠ ᠶᠢᠨ  ᠵᠥᠪ ᠣᠨᠣᠪᠴᠢᠲᠠᠢ ᠵᠢᠯᠣᠭᠤᠳᠣᠯᠭ᠎ᠠ ᠨᠢ ᠬᠢᠯᠢ ᠬᠢᠵᠠᠭᠠᠷ ᠣᠷᠣᠨ ᠤ ᠦᠡᠳᠦᠰᠦᠲᠡᠨ ᠤ ᠰᠣᠶᠣᠯ ᠰᠣᠷᠭᠠᠨ ᠬᠥᠮᠥᠵᠢᠯ ᠤᠨ ᠦᠢᠯᠡᠰ ᠤᠨ ᠬᠥᠭᠵᠢᠯ ᠴᠡᠴᠡᠭᠯᠡᠯ ᠳᠤ ᠴᠠᠭ ᠦᠶ᠎ᠡ ᠶᠢ  ᠵᠠᠭᠠᠭᠯᠠᠭᠰᠠᠨ‌‍ᠰᠢᠨ᠎ᠡ ᠬᠠᠭᠤᠳᠠᠰᠦ ᠶᠢ ᠨᠡᠭᠡᠭᠡᠭᠰᠡᠨ ᠪᠠᠶᠢᠨ᠎ᠠ᠃ ᠦᠡᠳᠦᠰᠦᠲᠡᠨ ᠤ ᠰᠣᠷᠭᠠᠨ ᠬᠥᠮᠥᠵᠢᠯ ᠢ ︽ᠣᠷᠢᠳᠠᠪᠠᠷ ᠭᠤᠤᠯᠳᠠᠯᠭ᠎ᠠ ᠲᠠᠢ︾ ᠬᠦᠭᠵᠢᠭᠦᠯᠬᠦ ᠲᠥᠷᠥ ᠶᠢᠨ ᠪᠣᠳᠣᠯᠭ᠎ᠠ ᠶᠢᠨ ᠲᠣᠶᠠᠭᠠᠯᠠᠯ ᠳᠣᠣᠷ᠎ᠠ᠂ ᠮᠣᠩᠭᠤᠯ ᠳᠣᠮᠳᠠᠳᠦ ᠪᠠᠭ᠎ᠠ ᠰᠣᠷᠭᠠᠭᠤᠯᠢ ᠨᠤᠭᠤᠳ  ᠢ ᠬᠤᠶᠢᠨ᠎ᠠ ᠬᠤᠶᠢᠨ᠎ᠠ ᠠᠴᠠ ᠨᠢ ᠰᠢᠨᠡᠳᠭᠡᠨ ᠵᠠᠰᠠᠭᠰᠠᠨ ᠪᠥᠭᠡᠳ ᠰᠢᠨ᠎ᠡ ᠪᠠᠷ ᠪᠠᠶᠢᠭᠤᠯᠵᠤ  ᠂  ᠦᠡᠳᠦᠰᠦᠲᠡᠨ ᠤ ᠰᠣᠶᠣᠯ ᠭᠡᠭᠡᠷᠡᠯ ᠤᠨ ᠰᠠᠷᠠᠭᠤᠯ ᠳᠠᠷᠳᠠᠩ ᠵᠠᠮ ᠢ  ᠰᠢᠨᠳᠠᠷᠠᠰᠢ ᠦᠭᠡᠢ ᠨᠡᠭᠡᠭᠡᠵᠦ ᠡᠬᠢᠯᠡᠭᠰᠡᠨ ᠪᠠᠶᠢᠨ᠎ᠠ  ᠃     ᠬᠡᠶᠢᠮᠦᠷᠢ ᠰᠡᠷᠭᠦᠭᠰᠡᠨ ᠡᠶᠢᠨᠬᠦ ᠰᠠᠶᠢᠬᠠᠨ ᠠᠵᠠ ᠳᠣᠬᠢᠶᠠᠯ ᠲᠠᠢ ᠴᠠᠭ ᠡᠷᠡᠨ ᠳᠤ ᠰᠢᠯᠢ ᠶᠢᠨ ᠬᠤᠲᠠ ᠣᠷᠣᠨ ᠤ ᠵᠡᠭᠦᠨ ᠡᠮᠦᠨ᠎ᠡ  ᠭᠡᠰᠡᠭ ᠢᠶᠠᠷ ᠰᠠᠭᠤᠷᠢᠰᠢᠨ ᠰᠠᠭᠤᠭ᠎ᠠ ᠮᠣᠩᠭᠤᠯᠴᠣᠳ ᠤᠨ  ᠦᠷ᠎ᠡ ᠬᠡᠦᠬᠡᠳ ᠤᠨ ᠰᠣᠷᠭᠠᠭᠤᠯᠢ ᠳᠤ ᠰᠠᠭᠤᠬᠤ ᠳᠤ ᠳᠥᠭᠦᠮ ᠦᠵᠡᠭᠦᠯᠬᠦ ᠶᠢᠨ ᠲᠣᠰᠠᠳᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠣᠨ‌‍ᠰᠣᠷᠭᠠᠨ ᠬᠥᠮᠥᠵᠢᠯ ᠤᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠦᠴᠦᠲᠠᠢ ᠳᠡᠮᠵᠢᠯᠭᠡ ᠦᠵᠡᠭᠦᠯᠦᠭᠰᠡᠨ ᠢᠶᠠᠷ 1981 ᠣᠨ ᠤ 9 ᠰᠠᠷ᠎ᠠ ᠶᠢᠨ 16 ᠤ ᠡᠳᠦᠷ ︽ᠰᠢᠯᠢ ᠶᠢᠨ ᠭᠤᠣᠯ ᠠᠶᠢᠮᠠᠭ ᠤᠨ ᠮᠣᠩᠭᠤᠯ ᠪᠠᠭᠰᠢ ᠶᠢᠨ ᠰᠣᠷᠭᠠᠭᠤᠯᠢ ᠶᠢᠨ ᠬᠠᠷᠢᠶᠠᠲᠦ ᠪᠠᠭ᠎ᠠ ᠰᠣᠷᠭᠠᠭᠤᠯᠢ︾ ᠮᠠᠨᠢ ᠠᠶᠢᠮᠠᠭ ᠤᠨ ᠮᠣᠩᠭᠤᠯ ᠪᠠᠭᠰᠢ ᠶᠢᠨ ᠰᠣᠷᠭᠠᠭᠤᠯᠢ ᠶᠢᠨ ᠨᠢᠭᠡᠨ ᠪᠥᠷᠢᠯᠳᠦᠭᠦᠨ ᠤ ᠬᠤᠪᠢ ᠪᠠᠷ ᠪᠠᠶᠢᠭᠤᠯᠣᠭᠳᠠᠭᠰᠠᠨ ᠪᠠᠶᠢᠨ᠎ᠠ᠃ ᠳᠣᠬᠠᠢ ᠶᠢᠨ ᠦᠶ᠎ᠡ ᠳᠤ ᠰᠣᠷᠭᠠᠭᠤᠯᠢ ᠨᠢ ᠭᠡᠷ ᠣᠷᠣᠨ ᠦᠭᠡᠢ᠂ ᠵᠢᠭᠠᠨ ᠰᠣᠷᠭᠠᠯᠲᠠ ᠶᠢᠨ  ᠬᠠᠮᠢᠶᠠᠷᠣᠯᠲᠠ ᠶᠢᠨ ᠪᠠᠶᠢᠭᠤᠯᠣᠮᠵᠢ ᠪᠥᠷᠢᠨ ᠦᠭᠡᠢ᠂ ᠰᠣᠷᠭᠠᠭᠤᠯᠢ ᠡᠷᠬᠢᠯᠡᠬᠦ ᠨᠥᠭᠦᠴᠡᠯ ᠠᠷᠭ᠎ᠠ ᠦᠭᠡᠢ ᠮᠠᠭᠤ ᠪᠠᠶᠢᠵᠦ᠂ ᠠᠶᠢᠮᠠᠭ ᠤᠨ ᠪᠠᠭᠰᠢ ᠶᠢᠨ ᠰᠣᠷᠭᠠᠭᠤᠯᠢ  ᠠᠴᠠ ᠨᠢᠭᠡ ᠠᠩᠭᠢ ᠶᠢᠨ ᠭᠡᠷ ᠪᠣᠯᠣᠨ ᠨᠢᠭᠡ ᠳᠠᠰᠣᠯᠭ᠎ᠠ ᠪᠠᠭᠰᠢ ᠶᠢᠨ ᠠᠯᠪᠠᠨ  ᠭᠡᠷ ᠢ ᠵᠢᠭᠡᠯᠡᠨ᠂ ᠨᠢᠭᠡ ᠵᠠᠬᠢᠷᠣᠯ᠂ ᠬᠤᠶᠠᠷ ᠪᠠᠭᠰᠢ᠂ ᠨᠢᠭᠡ ᠠᠰᠠᠷᠠᠭᠴᠢ᠂ ᠬᠤᠷᠢᠨ ᠭᠤᠷᠪᠠᠨ ᠰᠣᠷᠣᠭᠴᠢ᠂ ᠬᠡᠳᠦᠬᠡᠨ ᠰᠢᠷᠡᠭᠡ ᠰᠠᠨᠳᠠᠯᠢ ᠲᠠᠢ  ᠲᠤᠩ ᠳᠥᠭᠦᠮᠬᠡᠨ ᠣᠷᠴᠢᠨ ᠳᠤ ᠬᠢᠴᠢᠶᠡᠯ ᠢᠶᠠᠨ ᠡᠬᠢᠯᠡᠭᠦᠯᠵᠡᠢ᠃       1984 ᠣᠨ ᠳᠤ ᠰᠢᠯᠢ ᠶᠢᠨ ᠭᠤᠣᠯ ᠠᠶᠢᠮᠠᠭ ᠤᠨ ᠮᠣᠩᠭᠤᠯ  ᠬᠢᠲᠠᠳ ᠬᠤᠶᠠᠷ ᠪᠠᠭᠰᠢ ᠶᠢᠨ ᠰᠣᠷᠭᠠᠭᠤᠯᠢ   ᠶᠢᠨ ᠰᠣᠷᠣᠭᠴᠢᠳ ᠤᠨ ᠳᠠᠳᠣᠯᠭ᠎ᠠ ᠪᠣᠯᠪᠠᠰᠣᠷᠠᠯ ᠳᠤ  ᠵᠣᠬᠢᠴᠠᠭᠤᠯᠬᠤ ᠡᠭᠦᠳᠡᠨ ᠠᠴᠠ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠳᠣᠰᠬᠠᠢ  ﹇1984﹈ 18 ᠳ᠋ᠣᠭᠠᠷ ᠲᠣᠭᠠᠲᠣ ᠪᠢᠴᠢᠭ ᠮᠠᠲ᠋ᠧᠷᠢᠶᠠᠯ ᠪᠠᠭᠤᠯᠭᠠᠵᠤ᠂ ᠰᠣᠷᠭᠠᠭᠤᠯᠢ ᠶᠢ  ︽ᠰᠢᠯᠢ ᠶᠢᠨ ᠭᠤᠣᠯ ᠠᠶᠢᠮᠠᠭ ᠤᠨ ᠪᠠᠭᠰᠢ ᠶᠢᠨ ᠰᠣᠷᠭᠠᠭᠤᠯᠢ ᠶᠢᠨ ᠬᠠᠷᠢᠶᠠᠲᠣ ᠪᠠᠭ᠎ᠠ ᠰᠣᠷᠭᠠᠭᠤᠯᠢ︾ ᠭᠡᠵᠦ ᠨᠡᠷᠡᠶᠢᠳᠬᠦ ᠶᠢᠨ ᠬᠠᠮᠲᠤ ᠰᠢᠯᠢ ᠶᠢᠨ ᠭᠤᠣᠯ ᠠᠶᠢᠮᠠᠭ‌‍ᠤᠨ ᠰᠣᠷᠭᠠᠨ ᠬᠥᠮᠥᠵᠢᠯ ᠤᠨ ᠭᠠᠵᠠᠷ ᠲᠤ ᠠᠵᠢᠯ ᠦᠢᠯᠡᠰ ᠤᠨ ᠬᠤᠶᠠᠳᠣᠭᠠᠷ ᠳᠡᠰ ᠤᠨ ᠨᠢᠭᠡᠴᠡ ᠪᠤᠯᠭᠠᠨ‌ᠬᠠᠮᠢᠶᠠᠷᠤᠭᠤᠯᠵᠠᠢ᠃     1990 ᠣᠨ ᠳᠤ ᠠᠶᠢᠮᠠᠭ ᠤᠨ ᠳᠠᠷᠤᠭ᠎ᠠ ᠶᠢᠨ ᠠᠯᠪᠠᠨ ᠭᠡᠷ ᠤᠨ ᠬᠤᠷᠠᠯ ᠢᠶᠠᠷ ᠳᠠᠮᠵᠢᠵᠤ᠂  ᠰᠣᠷᠭᠠᠭᠤᠯᠢ ᠶᠢ ᠰᠢᠨ᠎ᠡ ᠪᠠᠷ ᠪᠠᠶᠢᠭᠤᠯᠬᠤ ᠶᠢ ᠰᠢᠢᠳᠪᠦᠷᠢᠯᠡᠵᠦ᠂ ᠪᠠᠭᠰᠢ ᠶᠢᠨ ᠰᠣᠷᠭᠠᠭᠤᠯᠢ ᠶᠢᠨ ᠬᠦᠷᠢᠶᠡᠨ ᠳᠤ12 ᠠᠩᠭᠢ ᠶᠢᠨ ᠬᠡᠪᠴᠢᠶ᠎ᠡ ᠲᠠᠢ 2600 ᠲᠡᠭᠰᠢ ᠳᠦᠷᠪᠡᠯᠵᠢᠨ ᠮᠧᠲᠷ ᠪᠥᠬᠦᠢ ᠳᠥᠷᠪᠡᠨ ᠳᠠᠪᠬᠤᠷ ᠵᠢᠭᠠᠨ ᠰᠣᠷᠭᠠᠬᠤ ᠠᠰᠠᠷ ᠢ  ᠪᠠᠶᠢᠭᠤᠯᠬᠤ ᠳᠣᠬᠠᠢ ᠳᠣᠰᠬᠠᠢ ᠵᠠᠷᠣᠳᠠᠯ ᠮᠥᠩᠭᠦ ᠳᠣᠬᠢᠷᠠᠭᠤᠯᠵᠦ᠂ ᠪᠣᠶᠠᠨ ᠵᠠᠬᠢᠷᠣᠯ ᠬᠤᠯᠪᠣᠭᠳᠠᠯ ᠪᠥᠬᠦᠢ ᠪᠠᠶᠢᠭᠤᠯᠭ᠎ᠠ ᠶᠢ ᠡᠷᠢᠨ ᠭᠠᠷ ᠭᠦᠢᠴᠡᠳᠭᠡᠯ ᠬᠢᠵᠦ ᠪᠠᠷᠢᠯᠭ᠎ᠠ ᠶᠢᠨ ᠠᠵᠢᠯ ᠵᠢᠩᠬᠢᠨᠢ ᠪᠠᠷ ᠡᠬᠢᠯᠡᠭᠰᠡᠨ ᠪᠠᠶᠢᠨ᠎ᠠ᠃     1994 ᠣᠨ ᠤ 9 ᠰᠠᠷ᠎ᠠ ᠶᠢᠨ8 ᠤ ᠡᠳᠦᠷ᠂ ᠰᠣᠷᠭᠠᠭᠤᠯᠢ ᠪᠠᠶᠢᠭᠤᠯᠤᠭᠳᠠᠭᠰᠠᠨ15 ᠵᠢᠯ ᠤᠨ ᠣᠢ ᠪᠣᠯᠣᠨ ᠵᠢᠭᠠᠨ ᠰᠣᠷᠭᠠᠬᠤ ᠠᠰᠠᠷ ᠤᠨ ᠲᠣᠣᠵᠠ ᠬᠠᠶᠢᠴᠢᠯᠠᠬᠤ ᠶᠣᠰᠣᠯᠠᠯ ᠢ  ᠬᠠᠮᠲᠣᠷᠠᠭᠤᠯᠣᠭᠰᠠᠨ ᠦᠪᠡᠳᠡᠭᠰᠢ  ᠨᠠᠶᠢᠷ ᠬᠢᠵᠦ᠂ ᠠᠶᠢᠯ ᠤᠨ ᠰᠠᠷᠠᠪᠴᠢᠨ ᠳᠣᠣᠷ᠎ᠠ ᠪᠡᠶ᠎ᠡ ᠬᠠᠯᠠᠬᠠᠯᠠᠵᠤ᠂ ᠬᠥᠮᠥᠨ ᠤ ᠰᠢᠨᠠᠭᠠᠨ ᠠᠴᠠ ᠠᠶᠠᠭ᠎ᠠ ᠳᠣᠰᠬᠤ  ᠨᠡᠭᠦᠳᠡᠯᠯᠡᠨ ᠬᠢᠴᠢᠶᠡᠯᠯᠡᠳᠡᠭ ︽ᠮᠣᠷᠢᠨ ᠨᠢᠷᠣᠭᠤᠨ ᠳᠡᠭᠡᠷᠡᠬᠢ ᠰᠣᠷᠭᠠᠭᠤᠯᠢ︾ ᠶᠢᠨ ᠲᠡᠦᠬᠡ ᠡᠴᠦᠰᠯᠡᠭᠰᠡᠨ ᠪᠠᠶᠢᠨ᠎ᠠ. ᠃ ᠨᠠᠮ ᠵᠠᠰᠠᠭ ᠤᠨ ᠬᠠᠶᠢᠷ᠎ᠠ ᠬᠠᠯᠠᠮᠵᠢ᠂ ᠨᠡᠶᠢᠭᠡᠮ ᠨᠡᠶᠢᠲᠡ ᠶᠢᠨ ᠬᠠᠪᠰᠣᠷᠣᠯᠭ᠎ᠠ ᠳᠡᠮᠵᠢᠯᠭᠡ᠂ ᠰᠣᠷᠭᠠᠭᠤᠯᠢ ᠶᠢᠨ ᠵᠢᠳᠭᠦᠯᠲᠦ ᠬᠠᠷᠢᠭᠤᠴᠠᠯᠭᠠᠲᠠᠨ  ᠪᠣᠯᠣᠨ  ᠪᠠᠭᠰᠢ ᠠᠵᠢᠯᠲᠠᠨ ᠬᠠᠮᠲᠤ ᠪᠠᠷ ᠠᠷᠪᠠᠨ ᠲᠠᠪᠣᠨ ᠵᠢᠯ ᠤᠨ ᠦᠢᠯᠡᠰ ᠪᠣᠰᠬᠠᠬᠤ ᠪᠡᠷᠬᠡ ᠪᠠᠷᠲᠠᠭ᠎ᠠ ᠶᠢ ᠲᠣᠭᠤᠯᠵᠣ᠂ ᠲᠣᠯᠣᠭᠠᠢ  ᠬᠠᠯᠠᠬᠠᠯᠠᠵᠣ ᠪᠡᠶ᠎ᠡ ᠬᠤᠷᠭᠤᠳᠠᠬᠤ ᠣᠷᠣᠨ ᠰᠠᠭᠤᠴᠠ ᠦᠭᠡᠢ ᠪᠠᠶᠢᠭᠰᠠᠨ ᠠᠴᠠ ᠥᠪᠡᠷ‌‍ᠦᠨ ᠭᠡᠰᠡᠨ ᠬᠥᠯ  ᠳᠣᠭᠲᠠᠬᠤ ᠣᠷᠣᠨ ᠵᠠᠢ ᠲᠠᠢ᠂ ᠥᠮᠴᠢᠷᠬᠡᠵᠦ ᠥᠪᠯᠡᠬᠦ ᠰᠠᠷᠠᠭᠤᠯ ᠳᠣᠬᠢᠯᠢᠭ ᠬᠢᠴᠢᠶᠡᠯᠯᠡᠬᠦ ᠠᠰᠠᠷ ᠲᠠᠢ  ᠪᠣᠯᠵᠤ᠂ ᠪᠠᠭᠰᠢ ᠰᠣᠷᠣᠭᠴᠢᠳ ᠤᠨ ᠥᠭᠡᠳᠡ ᠡᠰᠡᠷᠡᠭ ᠴᠤᠭ ᠵᠣᠯᠪᠣᠭ᠎ᠠ ᠰᠡᠷᠭᠦᠵᠦ᠂ ᠢᠲᠡᠭᠡᠯ ᠵᠣᠷᠢᠭ ᠨᠢ ᠡᠷᠬᠡ ᠦᠭᠡᠢ ᠬᠥᠪᠴᠢᠯᠡᠭᠳᠡᠭᠰᠡᠨ ᠪᠠᠶᠢᠨ᠎ᠠ᠃     2004 ᠣᠨ ᠤ ᠰᠡᠭᠦᠯᠴᠢ  ᠪᠠᠷ ᠰᠣᠷᠭᠠᠭᠤᠯᠢ ᠶᠢ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠣᠷᠭᠠᠭᠤᠯᠢ ᠳᠤ  ᠬᠠᠷᠢᠶᠠᠯᠠᠭᠳᠠᠭᠤᠯᠵᠤ᠂ ︽ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ  ᠰᠣᠷᠭᠠᠭᠤᠯᠢ ᠶᠢᠨ ᠬᠠᠷᠢᠶᠠᠲᠤ ᠪᠠᠭ᠎ᠠ ᠰᠣᠷᠭᠠᠭᠤᠯᠢ︾ ᠪᠣᠯᠪᠠ᠃2007 ᠤᠨ 3 ᠰᠠᠷ᠎ᠠ  ᠳᠤ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠰᠤᠷᠭᠠᠭᠤᠯᠢ ᠶᠢᠨ ᠨᠡᠷ᠎ᠡ ᠶᠢ《 ᠰᠢᠯᠢ ᠶᠢᠨ ᠬᠤᠲᠠ ᠶᠢᠨ ᠠᠷᠪᠠᠨ ᠨᠢᠭᠡᠳᠤᠭᠡᠷ ᠪᠠᠭ᠎ᠠ ᠰᠤᠷᠭᠠᠭᠤᠯᠢ》 ᠬᠡᠵᠦ ᠬᠠᠯᠠᠨ ᠦᠭᠡᠷᠡᠴᠢᠯᠡᠭᠦ ᠪᠠᠷ ᠲᠤᠭᠳᠠᠨ ᠨᠠᠶᠢᠳᠠᠯᠠᠪᠠ᠃2011 ᠤᠨ ᠤ 6 ᠰᠠᠷ᠎ᠠ ᠶᠢᠨ ᠨᠢᠭᠡᠨ  ᠳᠤ《 ᠰᠢᠯᠢ ᠶᠢᠨ ᠬᠤᠲᠠ ᠶᠢᠨ ᠮᠤᠩᠭᠤᠯ ᠦᠡᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ》 ᠭᠡᠵᠦ ᠦᠭᠡᠷᠡᠴᠢᠯᠡᠨ  ᠴᠤᠯ ᠮᠤᠩᠭᠤᠯ ᠰᠤᠷᠭᠠᠭᠤᠯᠢ ᠪᠤᠯᠵᠠᠢ᠃     ᠭᠤᠴᠢᠭᠠᠳ ᠵᠢᠯ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠤᠳᠤ ᠮᠠᠨ ᠤ ᠰᠤᠷᠭᠠᠭᠤᠯᠢ ᠨᠢ 63 ᠪᠠᠭᠰᠢ ᠠᠵᠢᠯᠲᠠᠨ ᠲᠠᠢ᠂  ᠡᠬᠦᠨ ᠳᠤ ᠰᠤᠳᠤᠯᠬᠤ ᠰᠤᠷᠤᠭᠴᠢ ᠳᠡᠬᠦᠰᠦᠭᠰᠡᠨ 2 ᠬᠦᠮᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠡᠬᠦᠰᠦᠭᠰᠡᠨ44 ᠬᠦᠮᠦᠨ᠂ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠳᠡᠭᠦᠰᠦᠭᠰᠡᠨ10 ᠭᠦᠮᠦᠨ᠂ ᠲᠤᠮᠳᠠ ᠵᠡᠷᠭᠡ ᠶᠢᠨ ᠲᠤᠰᠬᠠᠢ ᠮᠡᠷᠭᠡᠵᠢᠯ ᠳᠡᠬᠦᠰᠦᠭᠰᠡᠨ 4  ᠬᠦᠮᠦᠨ᠃ ᠳᠤᠬᠠᠶᠢᠯᠠᠭᠰᠠᠨ ᠮᠡᠷᠭᠡᠵᠢᠯ ᠤᠨ ᠴᠤᠯᠠ ᠶᠢᠨ ᠳᠠᠯ᠎ᠠ ᠪᠠᠷ ᠤᠷᠤᠨ ᠤ ᠤᠨᠴᠠ ᠳᠡᠰ ᠤᠨ ᠪᠠᠭᠰᠢ 1 ᠨᠡᠷ᠎ᠡ᠂ ᠲᠤᠮᠳᠠᠳᠤ ᠰᠤᠷᠭᠠᠭᠤᠯᠢ ᠶᠢᠨ ᠲᠡᠭᠡᠳᠦ ᠲᠡᠰ ᠤᠨ ᠪᠠᠭᠰᠢ 25  ᠨᠡᠷ᠎ᠡ᠂ ᠪᠠᠭ᠎ᠠ ᠰᠤᠷᠭᠠᠭᠤᠯᠢ ᠶᠢᠨ ᠲᠡᠭᠡᠳᠦ ᠳᠡᠰ ᠤᠨ ᠪᠠᠭᠰᠢ 21 ᠬᠦᠮᠦᠨ᠂  ᠪᠠᠭ᠎ᠠ ᠰᠤᠷᠭᠠᠭᠤᠯᠢ ᠶᠢᠨ ᠨᠢᠭᠡᠳᠦᠭᠡᠷ ᠳᠡᠰ‌‍ᠦᠨ ᠪᠠᠭᠰᠢ 5 ᠬᠦᠮᠦᠨ᠂  ᠪᠠᠭ᠎ᠠ ᠰᠤᠷᠠᠭᠠᠭᠤᠯᠢ ᠶᠢᠨ ᠬᠤᠶᠠᠳᠤᠭᠠᠷ ᠲᠡᠰ ᠪᠤᠶᠤ ᠲᠡᠰ ᠲᠤᠭᠲᠠᠭᠠᠳᠤᠢ 9 ᠬᠦᠮᠦᠨ᠃ ᠮᠠᠨ ᠤ ᠰᠤᠷᠭᠠᠭᠤᠯᠢ ᠨᠢ 18 ᠵᠢᠭᠠᠨ ᠰᠤᠷᠭᠠᠬᠤ ᠠᠩᠬᠢ ᠲᠠᠢ᠂500 ᠭᠠᠷᠤᠢ ᠰᠤᠷᠤᠭᠴᠢ ᠲᠠᠢ᠂ ᠰᠤᠷᠭᠠᠭᠤᠯᠢ ᠶᠢᠨ ᠪᠦᠬᠦ ᠲᠠᠯᠠᠪᠠᠢ 23689 ᠲᠦᠷᠪᠡᠯᠵᠢᠨ ᠮᠧᠲᠷ ᠪᠠᠶᠢᠵᠦ᠂ ᠪᠠᠷᠢᠯᠭ᠎ᠠ ︵ ᠵᠢᠭᠠᠨ ᠰᠤᠷᠭᠠᠬᠤ ᠠᠰᠠᠷ᠂ ᠶᠡᠷᠤᠩᠬᠡᠶᠢᠯᠡᠭᠰᠡᠨ ᠠᠰᠠᠷ᠂ ᠲᠠᠮᠢᠷ ᠤᠨ ᠤᠷᠳᠤᠨ︶ ᠶᠢᠨ ᠡᠵᠡᠯᠡᠬᠦ ᠲᠠᠯᠠᠪᠠᠢ ᠨᠢ11593 ᠲᠦᠷᠪᠡᠯᠵᠢᠨ‌ᠮᠧᠲᠷ ᠲᠤ ᠬᠦᠷᠤᠭ᠍ᠰᠡᠨ ᠪᠠᠶᠢᠨ᠎ᠠ᠃ ᠰᠤᠷᠤᠭᠴᠢᠳ ᠢ ᠭᠤᠸ᠎ᠠ ᠰᠠᠶᠢᠬᠠᠨ ᠤᠷᠴᠢᠨ ᠲᠤᠭᠤᠷᠢᠨ   ᠳᠤ  ᠰᠤᠷᠤᠯᠴᠠᠭᠤᠯᠬᠤ ᠡᠭᠦᠳᠡᠨ ᠠᠴᠠ ᠰᠤᠷᠭᠠᠭᠤᠯᠢ ᠶᠢᠨ ᠬᠦᠷᠢᠶ᠎ᠠ ᠶᠢᠨ ᠪᠦᠬᠦ ᠲᠠᠯᠠᠪᠠᠢ ᠳᠤ ᠨᠤᠭᠤᠭᠠᠷᠠᠭᠤᠯᠤᠯᠲᠠ᠂ ᠬᠠᠳᠠᠭᠤᠷᠠᠭᠤᠯᠤᠯᠲᠠ᠂ ᠭᠤᠸᠠᠯᠢᠭᠵᠢᠭᠤᠯᠤᠯᠲᠠ᠂ ᠴᠢᠮᠡᠭᠯᠠᠯᠲᠠ ᠶᠢ ᠬᠢᠵᠦ 6000ᠲᠦᠷᠪᠡᠯᠵᠢᠨ‌ᠮᠧᠲᠷ‌‍ᠲ᠋ᠠᠯᠠᠪᠠᠢ ᠲᠠᠢ ᠭᠠᠵᠠᠷ ᠢ ᠴᠠᠷᠳᠠᠨ ᠬᠠᠳᠠᠭᠤᠷᠠᠭᠤᠯᠵᠦ᠂5000ᠲᠦᠷᠪᠡᠯᠵᠢᠨ‌ᠮᠧᠲᠷ ᠲᠠᠯᠠᠪᠠᠢ ᠲᠠᠢ ᠭᠠᠵᠠᠷ ᠲᠤ ᠴᠡᠴᠡᠭ ᠬᠤᠸᠠᠷ ᠲᠠᠷᠢᠵᠦ᠂   ᠮᠤᠳᠤ ᠪᠤᠷᠭᠠᠰᠤ ᠰᠠᠭᠤᠯᠭᠠᠨ ᠵᠦᠯᠭᠡ ᠡᠪᠡᠰᠦ ᠲᠠᠪᠢᠰᠤᠨ ᠨᠤᠭᠤᠭᠠᠷᠠᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ᠰᠤᠷᠤᠭᠴᠢᠳ ᠲᠤ ᠭᠦᠢᠴᠡᠳ ᠬᠠᠨᠤᠮᠵᠢᠲᠠᠢ ᠪᠠᠶ᠎ᠡ ᠲᠠᠮᠢᠷ ᠤᠨ ᠬᠦᠳᠡᠯᠭᠡᠭᠡᠨ ᠤ ᠲᠠᠯᠠᠪᠤᠷ ᠢ ᠬᠠᠨᠭ᠍ᠭᠠᠨ ᠦᠭᠴᠦ᠂ ᠪᠦᠷᠢᠨ ᠲᠦᠭᠦᠷ ᠲᠠᠮᠢᠷ ᠤᠨ ᠬᠡᠷᠡᠭᠰᠡᠯ ᠤᠨ ᠲᠤᠨᠤᠭ ᠲᠦᠬᠦᠭᠡᠷᠤᠮᠵᠢ ᠶᠢ ᠤᠭᠰᠠᠷᠠᠨ ᠲᠠᠭᠠᠷᠠᠭᠤᠯᠵᠦ᠂ ᠰᠢᠨ᠎ᠡ ᠮᠠᠶ᠋ᠢᠭ ᠤᠨ ᠭᠤᠮ ᠲᠡᠪᠢᠰᠭᠡᠷ ᠲᠠᠢ 200ᠮᠧᠲᠷ ᠤᠨ ᠬᠦᠶᠤᠯᠲᠠ ᠶᠢᠨ ᠱᠤᠭᠤᠮ ᠪᠦᠬᠦᠢ ᠲᠠᠮᠢᠷ ᠤᠨ ᠲᠠᠯᠠᠪᠠᠢ ᠶᠢ ᠪᠦᠳᠦᠭᠡᠨ ᠪᠠᠶᠢᠭᠤᠯᠤᠭᠰᠠᠨ ᠪᠠᠶᠢᠨ᠎ᠠ᠃      ᠦᠡᠭᠭᠡᠷᠡᠭᠰᠡᠨ ᠤ ᠭᠤᠴᠢᠨ ᠵᠢᠯ ᠤᠨ ᠰᠤᠷᠭᠠᠭᠤᠯᠢ ᠡᠷᠬᠢᠯᠡᠭᠰᠡᠨ ᠲᠡᠤᠭᠡ ᠪᠠᠨ ᠡᠷᠬᠢᠴᠡᠭᠦᠯᠪᠡᠯ᠂ ᠤᠳᠤᠷᠯᠠᠨ ᠰᠢᠯᠵᠢᠵᠦ ᠨᠡᠭᠦᠳᠡᠯᠯᠡᠨ ᠬᠢᠴᠢᠶᠡᠯᠯᠡᠵᠦ ᠶᠠᠪᠤᠭᠰᠠᠨ ᠪᠤᠯᠪᠠᠴᠤ ᠨᠠᠩ ᠴᠢᠬᠤᠯᠠ ᠨᠢ ᠳᠡᠰᠪᠤᠷᠢ ᠬᠠᠳᠠᠭᠤᠵᠢᠯᠲᠠᠢ ᠪᠠᠷ ᠠᠳᠠᠯ ᠦᠢᠯᠡᠰ ᠪᠤᠰᠬᠠᠵᠦ ᠶᠠᠪᠤᠭᠰᠠᠨ ᠨᠢ  ᠪᠢᠰᠢᠷᠡᠭᠦᠰᠢᠲᠠᠢ ᠶᠤᠮ᠃ ᠠᠶᠠᠨ ᠤ ᠲᠦᠷᠤᠭᠡᠨ ᠳᠤ ᠮᠣᠷᠳᠠᠭᠰᠠᠨ ᠠᠴᠠ ᠨᠠᠰᠢ᠂ ᠭᠡᠳᠦᠨ ᠦᠶ᠎ᠠ ᠶᠢᠨ ᠵᠠᠬᠢᠷᠤᠯ᠂ ᠪᠠᠭᠰᠢ ᠨᠠᠷ ᠤᠨ ᠴᠢᠷᠮᠠᠶᠢᠯᠭ᠎ᠠ ᠪᠠᠷ ᠤᠷᠢᠳ ᠬᠤᠵᠢᠳ ᠤᠷᠤᠨ  ᠪᠠ ᠠᠶᠢᠮᠠᠭ ᠤᠨ《 ᠳᠠᠭᠤᠷᠢᠶᠠᠯ ᠰᠤᠷᠭᠠᠭᠤᠯᠢ》᠂《 ᠰᠢᠯᠢᠳᠡᠭ ᠰᠤᠷᠭᠠᠭᠤᠯᠢ》᠂《ᠮᠤᠩᠭᠤᠯ ᠦᠬᠡ ᠬᠡᠯᠡ ᠦᠰᠦᠭ ᠪᠢᠴᠢᠭ ᠰᠤᠷᠴᠤ ᠬᠡᠷᠡᠭᠯᠡᠭᠰᠡᠨ ᠲᠡᠷᠢᠬᠦᠨ ᠤ ᠰᠤᠷᠭᠠᠭᠤᠯᠢ》᠂《 ᠪᠠᠷᠢᠮᠵᠢᠶᠠᠳᠤ ᠦᠡᠳᠦᠰᠦᠲᠡᠨ ᠤ ᠰᠤᠷᠭᠠᠭᠤᠯᠢ》᠂《 ᠠᠶᠢᠮᠠᠭ ᠤᠨ ᠲᠡᠰ ᠤᠨ ᠪᠤᠯᠪᠠᠰᠤᠨ ᠨᠢᠭᠡᠴᠡ》᠂《ᠠᠮᠤᠷ ᠲᠦᠪᠰᠢᠨ ᠤ ᠵᠢᠱᠢᠶᠡᠴᠢ ᠰᠤᠷᠭᠠᠭᠤᠯᠢ》᠂ ᠤᠯᠤᠰ ᠤᠷᠤᠨ ᠠᠶᠢᠮᠠᠭ ᠤᠨ《 ᠪᠠᠭᠠᠴᠤᠳ ᠤᠨ ᠬᠤᠰᠢᠭᠤᠴᠢ ᠠᠩᠬᠢ ᠶᠢᠨ ᠤᠯᠠᠭᠠᠨ ᠲᠤᠭᠴᠢ ᠶᠡᠭᠡ ᠠᠩᠬᠢ》᠂《ᠪᠦᠬᠦ ᠤᠯᠤᠰ ᠤᠨ ᠲᠤᠭᠠᠨ ᠤ ᠤᠬᠠᠭᠠᠨ ᠤ ᠤᠷᠤᠯᠳᠤᠯᠭᠠᠳᠤ ᠵᠢᠭᠠᠨ ᠰᠤᠷᠭᠠᠬᠤ ᠠᠷᠭ᠎ᠠ ᠶᠢᠨ ᠰᠤᠳᠤᠯᠭᠠᠨ ᠤ ᠭᠠᠵᠠᠷ》᠂《 ᠤᠷᠤᠨ ᠤ ᠪᠠᠭ᠎ᠠ ᠰᠤᠷᠭᠠᠭᠤᠯᠢ ᠬᠢᠳᠡᠳ ᠬᠡᠯᠡᠨ ᠤ ᠵᠢᠭᠠᠨ ᠰᠤᠷᠭᠠᠯᠲᠠ ᠶᠢᠨ ᠦᠭᠡᠷᠡᠴᠢᠯᠡᠯᠲᠠ ᠶᠢᠨ ᠰᠢᠯᠢᠳᠡᠭ ᠰᠤᠷᠭᠠᠭᠤᠯᠢ》᠂《 ᠪᠦᠬᠦ ᠤᠷᠤᠨ ᠤ ᠰᠤᠸᠠᠮᠫᠠᠨ‌‍ᠪᠤᠳᠤᠯᠭ᠎ᠠ ᠶᠢᠨ ᠰᠤᠷᠭᠠᠨ ᠬᠦᠮᠦᠵᠢᠯ ᠤᠨ ᠲᠤᠷᠰᠢᠯᠲᠠ ᠶᠢᠨ ᠰᠠᠭᠤᠷᠢᠨ ᠭᠠᠵᠠᠷ》《 ᠤᠯᠤᠰ ᠤᠨ ᠰᠠᠭᠤᠷᠢ ᠰᠤᠷᠭᠠᠨ ᠬᠦᠮᠦᠵᠢᠯ ‍ᠦᠨ‌‍ᠰᠠᠭᠤᠷᠢᠨ ᠭᠠᠵᠠᠷ》᠂《 ᠠᠶᠢᠮᠠᠭ ᠤᠨ ᠲᠡᠰ ‍ᠦᠨ‌‍ᠰᠤᠷᠭᠠᠭᠤᠯᠢ  ᠡᠷᠬᠢᠯᠡᠬᠦ ᠨᠦᠬᠦᠴᠡᠯ ᠪᠠᠷᠢᠮᠵᠢᠶᠠᠨ ᠳᠤ ᠭᠦᠷᠤᠭ᠍ᠰᠡᠨ ᠰᠤᠷᠭᠠᠭᠤᠯᠢ》᠂《 ᠠᠶᠢᠮᠠᠭ ᠤᠨ ᠲᠡᠰ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠰᠢᠯᠢᠳᠡᠭ ᠰᠤᠷᠭᠠᠭᠤᠯᠢ》 ᠵᠡᠷᠭᠡ ᠤᠯᠠᠨ ᠠᠷᠪᠢᠨ ᠱᠠᠩᠨᠠᠯ ᠬᠦᠬᠢᠬᠦᠯᠦᠯ‌ᠢ ᠬᠦᠷᠳᠡᠵᠦ᠂《ᠬᠠᠷᠢᠶᠠᠳᠤ ᠪᠠᠭ᠎ᠠ》 ᠬᠡᠰᠡᠨ ᠰᠠᠶᠢᠬᠠᠨ ᠠᠯᠳᠠᠷ ᠢ ᠨᠡᠶᠢᠭᠡᠮ ᠨᠡᠶᠢᠳᠠ ᠳᠤ ᠲᠠᠭᠤᠷᠢᠰᠤᠭᠤᠯᠵᠦ᠂ ᠦᠶ᠎ᠠ ᠨᠢᠬᠡᠪᠦᠷᠢ ᠶᠢᠨ ᠬᠡᠤᠬᠡᠳ ᠢ ᠰᠤᠶᠤᠯ ᠰᠤᠷᠳᠠᠯ ᠤᠨ ᠤᠬᠢ ᠪᠠᠷ ᠤᠮᠳᠠᠯᠠᠭᠰᠠᠭᠠᠷ ᠢᠷᠡᠪᠡ᠃ ᠢᠷᠠᠭᠤ ᠠᠯᠳᠠᠷ ᠪᠤᠯᠭᠠᠨ ᠤ  ᠠᠷᠤ ᠳᠤ ᠦᠶ᠎ᠠ ᠦᠶ᠎ᠠ ᠶᠢᠨ《ᠬᠠᠷᠢᠶᠠᠳᠤ ᠪᠠᠭ᠎ᠠ》 ᠶᠢᠨ ᠬᠦᠮᠦᠨ ᠤ ᠤᠶᠤᠨ ᠤᠬᠠᠭᠠᠨ ᠬᠦᠴᠦ ᠬᠦᠳᠡᠯᠮᠦᠷᠢ ᠰᠢᠩᠭᠡᠵᠦ᠂ ᠲᠡᠳᠡᠨ ᠤ ᠴᠦᠬᠦᠷᠡᠰᠢ ᠦᠬᠡᠢ ᠴᠢᠷᠮᠠᠶᠢᠯᠭ᠎ᠠ ᠪᠠ ᠬᠦᠰᠡᠯ ᠬᠦᠬᠡᠬᠡᠴᠡᠯᠳᠤᠯ ᠢ ᠲᠡᠮᠳᠡᠭᠯᠡᠵᠦ ᠪᠠᠶᠢᠨ᠎ᠠ᠃     2012  ᠤᠨ ᠠᠴᠠ ᠡᠬᠢᠯᠡᠵᠦ ᠰᠣᠷᠭᠠᠭᠤᠯᠢ ᠶᠢᠨ ᠣᠳᠣᠷᠢᠳᠬᠤ ᠪᠠᠭ ᠲᠤ ᠲᠠᠬᠢᠨ‌‍ᠲ᠋ᠣᠬᠢᠷᠠᠭᠤᠯᠣᠯᠲᠠ ᠬᠢᠵᠦ ᠲᠡᠤᠬᠡ ᠪᠠᠨ ᠬᠦᠡᠳᠦᠳᠭᠡᠨ᠂ ᠵᠦᠷᠢᠶ᠎ᠠ ᠪᠠᠨ ᠠᠳᠠᠯᠢᠳᠬᠠᠨ᠂ ᠰᠤᠷᠭᠠᠭᠤᠯᠢ ᠶᠢᠨ ᠰᠤᠶᠤᠯ ᠤᠨ ᠪᠠᠶᠢᠭᠤᠯᠤᠯᠲᠠ ᠶᠢᠨ ᠲᠠᠯ᠎ᠠ ᠳᠤ ᠵᠤᠷᠢᠭᠳᠠᠢ ᠰᠢᠨᠡᠴᠢᠯᠡᠯᠲᠠ ᠬᠢᠵᠦ《ᠮᠤᠩᠭᠤᠯ ᠬᠦᠮᠦᠨ᠂ ᠮᠤᠩᠭᠤᠯ ᠮᠤᠷᠢ》 ᠶᠢᠨ ᠵᠤᠷᠢᠭ ᠰᠠᠨᠠᠭ᠎ᠠ ᠶᠢ ᠪᠠᠳᠠᠷᠠᠭᠤᠯᠤᠭᠰᠠᠨ《ᠮᠤᠩᠭᠤᠯ ᠰᠡᠳᠬᠢᠬᠦᠢ ᠲᠠᠢ᠂ ᠲᠡᠯᠡᠬᠡᠢ ᠶᠢᠨ ᠬᠠᠷᠠᠭ᠎ᠠ ᠲᠠᠢ ᠬᠡᠤᠬᠡᠳ ᠢ ᠬᠦᠮᠦᠵᠢᠬᠦᠯᠬᠦ》 ᠪᠠᠷ ᠵᠤᠷᠢᠵᠦ᠂ 《 ᠮᠤᠷᠢᠳᠠᠨ ᠤ ᠬᠡᠶᠢᠮᠦᠷᠢ》 ᠰᠤᠷᠭᠠᠭᠤᠯᠢ ᠰᠤᠶᠣᠯ ᠤᠨ ᠪᠠᠶᠢᠭᠤᠯᠤᠯᠲᠠ ᠶᠢᠨ ᠰᠢᠨ᠎ᠡ ᠤᠨᠤᠯᠵᠢᠭᠤᠨ ᠢ ᠲᠤᠷᠠᠳᠤᠭᠰᠠᠨ ᠶᠤᠮ᠃      ᠰᠣᠷᠭᠠᠭᠤᠯᠢ ᠡᠷᠬᠢᠯᠡᠬᠦ ᠬᠠᠷᠠᠯᠳᠠ— ᠦᠨᠳᠣᠰᠣᠳᠡᠨ ᠤ ᠰᠣᠶᠣᠯ ᠪᠠᠨ ᠳᠡᠭᠡᠳᠣᠯᠡᠭᠰᠡᠨ᠂ ᠴᠠᠭ ᠡᠷᠢᠨ ᠤ ᠬᠠᠷᠠᠭ᠎ᠠ ᠲᠠᠢ ᠳᠡᠷᠢᠭᠦᠨ ᠤ ᠰᠣᠷᠭᠠᠭᠤᠯᠢ ᠶᠢ ᠡᠭᠦᠳᠬᠦ      ᠬᠦᠮᠦᠵᠢᠭᠦᠯᠬᠦ ᠬᠠᠷᠠᠯᠳᠠ—ᠮᠤᠩᠭᠤᠯ ᠰᠡᠳᠬᠢᠬᠦᠢ ᠲᠠᠢ᠂ ᠴᠠᠭ ᠡᠷᠢᠨ ᠤ ᠬᠠᠷᠠᠭ᠎ᠠ ᠲᠠᠢ ᠬᠦᠮᠦᠨ ᠢ ᠬᠦᠮᠦᠵᠢᠭᠦᠯᠬᠦ      ᠰᠣᠷᠭᠠᠭᠤᠯᠢ ᠶᠢᠨ ᠰᠣᠷᠳᠠᠯ— ᠬᠦᠮᠦᠨ ᠪᠤᠯᠬᠤ ᠪᠠᠭ᠎ᠠ ᠠᠴᠠ ᠪᠠᠨ᠂ ᠬᠦᠯᠦᠭ ᠪᠤᠯᠬᠤ ᠤᠨᠠᠭᠠᠨ ᠠᠴᠠ ᠪᠠᠨ      ᠵᠢᠭᠠᠬᠤ ᠰᠣᠷᠳᠠᠯ —ᠭᠠᠷ ᠢ ᠨᠢ ᠭᠠᠨᠵᠤᠭᠠᠨ ᠳᠤ᠂ ᠬᠦᠯ ᠢ ᠨᠢ ᠳᠦᠷᠦᠭᠡᠨ ᠳᠤ      ᠰᠣᠷᠬᠤ ᠰᠣᠷᠳᠠᠯ— ᠡᠮᠨᠢᠭ ᠤᠨ ᠨᠢᠷᠤᠭᠤᠨ ᠠᠴᠠ ᠡᠷᠳᠡᠮ ᠤᠨ ᠣᠷᠭᠢᠯ ᠳᠤ        《ᠮᠤᠩᠭᠤᠯ ᠬᠦᠮᠦᠨ᠂ ᠮᠤᠩᠭᠤᠯ ᠮᠤᠷᠢ》 ᠶᠢᠨ ᠵᠤᠷᠢᠭ ᠰᠠᠨᠠᠭ᠎ᠠ ᠪᠠᠷ ᠭᠤᠤᠯ ᠪᠤᠯᠭᠠᠭᠰᠠᠨ《 ᠮᠤᠷᠢᠳᠠᠨ ᠤ ᠬᠡᠶᠢᠮᠦᠷᠢ》 ᠰᠤᠷᠭᠠᠭᠤᠯᠢ ᠶᠢᠨ ᠰᠤᠶᠤᠯ ᠤᠨ ᠪᠠᠶᠢᠭᠤᠯᠤᠯᠲᠠ ᠨᠢ ᠦᠰᠪᠤᠷᠢ ᠪᠠᠭ᠎ᠠ ᠬᠡᠤᠬᠡᠳ ᠲᠤ ᠮᠤᠩᠭᠤᠯ ᠦᠡᠳᠦᠰᠦᠲᠡᠨ ᠤ ᠵᠤᠷᠢᠭ ᠰᠦᠰᠦ ᠶᠢ ᠤᠯᠠᠮᠵᠢᠯᠠᠨ᠂ ᠲᠡᠤᠬᠡ ᠪᠠᠨ ᠤᠶᠢᠯᠭᠠᠨ ᠦᠪ ᠰᠤᠶᠤᠯ ᠢᠶᠠᠨ ᠵᠠᠯᠭᠠᠮᠵᠢᠯᠠᠨ᠂ ᠦᠪᠡᠷ ᠢ ᠪᠠᠨ ᠴᠢᠬᠢᠷᠠᠭᠵᠢᠭᠤᠯᠵᠤ᠂ ᠦᠪᠡᠷ ᠢ ᠪᠠᠨ ᠲᠡᠭᠡᠭᠰᠢᠯᠡᠬᠦᠯᠵᠦ᠂ ᠦᠪᠡᠷ ᠢ ᠪᠠᠨ ᠬᠦᠴᠦᠷᠭᠡᠭᠵᠢᠬᠦᠯᠬᠦ ᠳᠤ ᠲᠤᠰᠠ ᠳᠡᠮᠵᠢᠯᠭᠡ ᠪᠤᠯᠤᠭᠰᠠᠨ ᠪᠠᠶᠢᠨ᠎ᠠ᠃《ᠮᠤᠩᠭᠤᠯ ᠬᠦᠮᠦᠨ᠂ ᠮᠤᠩᠭᠤᠯ ᠮᠤᠷᠢ》 ᠶᠢᠨ ᠵᠤᠷᠢᠭ ᠰᠠᠨᠠᠭ᠎ᠠ ᠪᠤᠯ ᠮᠤᠩᠭᠤᠯᠴᠤᠳ ᠤᠨ ᠡᠷᠳᠡ ᠲᠡᠭᠡᠳᠤ ᠠᠴᠠ ᠪᠠᠨ ᠦᠪᠯᠡᠵᠦ ᠤᠯᠠᠮᠵᠢᠯᠠᠭᠰᠠᠨ ᠨᠠᠡᠳᠢᠨ ᠦᠪ᠂ ᠵᠤᠭᠤᠰ ᠮᠦᠡᠭᠬᠦ ᠡᠷᠭᠡ ᠵᠡᠷᠭᠡ ᠬᠤᠳᠠᠴᠢᠯᠠᠯᠲᠠ ᠶᠢᠨ ᠨᠦᠯᠤᠬᠡᠯᠡᠯ ᠠᠴᠠ ᠪᠤᠯᠵᠦ ᠠᠯᠳᠠᠭᠳᠠᠵᠤ ᠪᠠᠶᠢᠭ᠎ᠠ ᠮᠤᠩᠭᠤᠯ ᠬᠦᠮᠦᠨ ᠤ ᠬᠦᠮᠦᠨ ᠴᠢᠨᠡᠷ ᠪᠤᠯᠤᠨ᠎ᠠ  ᠂ ᠤᠳᠤᠬᠠᠨ ᠤ ᠦᠡᠳᠦᠰᠦᠲᠡᠨ ᠤ ᠰᠤᠷᠭᠠᠨ  ᠬᠦᠮᠦᠵᠢᠯ ᠤᠨ ᠠᠪᠤᠷᠠᠵᠦ ᠠᠪᠬᠤ ᠲᠠᠷᠬᠠᠨ ᠡᠭᠦᠷᠭᠡ ᠪᠤᠯᠤᠨ᠎ᠠ᠃      ᠮᠠᠨ ᠤ ᠰᠣᠷᠭᠠᠭᠤᠯᠢ ᠨᠢ ᠦᠪᠡᠷ ᠤᠨ ᠭᠡᠰᠡᠨ ᠦᠪᠡᠷᠮᠢᠴᠡ ᠤᠨᠴᠠᠯᠢᠭᠲᠣ ᠮᠤᠩᠭᠤᠯ ᠰᠣᠷᠭᠠᠨ ᠬᠦᠮᠦᠵᠢᠯ ᠤᠨ ᠤᠶᠢᠯᠠᠭᠠᠭᠳᠠᠬᠤᠨ ᠢ ᠰᠡᠲᠦᠨ ᠳᠣᠭᠲᠠᠭᠠᠵᠤ᠂ ᠥᠪᠡᠷ ᠤᠨ ᠭᠡᠰᠡᠨ ᠰᠡᠳᠬᠢᠴᠠ ᠪᠠᠷ ᠰᠣᠳᠤᠯᠭ᠎ᠠ᠂ ᠬᠦᠮᠦᠵᠢᠯ᠂ ᠰᠣᠷᠭᠠᠯᠲᠠ ᠬᠢᠬᠦ ᠪᠠᠷ ᠲᠦᠰᠦᠪᠯᠡᠭᠰᠡᠨ‌‍ᠶᠤᠮ  ᠃ ᠶᠠᠷᠢᠶᠠᠨ ᠦᠭᠡᠢ ᠮᠡᠳᠡᠯᠭᠡ ᠴᠢᠳᠠᠪᠤᠷᠢ ᠴᠢᠬᠤᠯᠠ᠂ ᠭᠡᠲᠡᠯ᠎ᠡ ᠨᠡᠩ ᠴᠢᠬᠤᠯᠡ ᠨᠢ ᠮᠡᠳᠡᠯᠬᠡ ᠴᠢᠳᠠᠪᠣᠷᠢ ᠦᠨᠲᠦᠰᠦᠲᠡᠨ ᠤ ᠵᠤᠷᠢᠭ ᠰᠠᠨᠠᠭ᠎ᠠ ᠴᠤᠭ ᠰᠥᠯᠲᠠ ᠳᠡᠭᠡᠷ᠎ᠡ ᠰᠠᠭᠤᠷᠢᠯᠠᠭᠰᠨᠨ ᠪᠠᠶᠢᠬᠤ ᠬᠡᠷᠡᠭᠲᠡᠢ᠃  ᠪᠢᠳᠡ ᠦᠨᠲᠦᠰᠦᠲᠡᠨ ᠤ ᠪᠠᠨ ᠰᠢᠯᠢᠲᠡᠭ ᠣᠯᠠᠮᠵᠢᠯᠠᠯᠲᠦ ᠰᠤᠶᠤᠯ ᠢᠶᠠᠨ ᠵᠠᠯᠭᠠᠮᠵᠢᠯᠠᠨ ᠬᠦᠭᠵᠢᠭᠦᠯᠵᠦ᠂ ᠦᠷ᠎ᠡ ᠬᠤᠶᠢᠴᠢᠰ ᠲᠠᠭᠠᠨ ᠣᠯᠠᠮᠵᠢᠯᠠᠬᠤ ᠪᠣᠯ ᠵᠠᠩᠭᠢᠯᠭ᠎ᠠ ᠶᠢᠨ ᠴᠢᠨᠠᠷᠲᠠᠢ ᠦᠭᠡᠷᠡᠴᠢᠯᠡᠯᠲᠡ ᠪᠠ ᠪᠤᠳᠠᠳᠠᠶᠢᠵᠢᠭᠤᠯᠤᠯ ᠪᠠᠶᠢᠬᠤ ᠶᠣᠰᠣᠲᠠᠢ᠃      ᠮᠠᠨ ᠤ ᠰᠣᠷᠭᠠᠭᠤᠯᠢ ᠶᠢᠨ ᠰᠣᠷᠣᠭᠴᠢ ᠶᠢᠨ ᠤᠯᠠᠩᠭᠢ ᠨᠢ ᠰᠢᠯᠢ ᠶᠢᠨ ᠭᠤᠤᠯ ᠤᠨ ᠡᠯ᠎ᠡ  ᠬᠤᠰᠢᠭᠤᠳ ᠤᠨ ᠮᠠᠯᠵᠢᠬᠤ ᠣᠷᠣᠨ ᠤ ᠮᠠᠯᠴᠢᠳ ᠤᠨ ᠦᠷ᠎ᠡ ᠬᠡᠦᠬᠡᠳ ᠢᠶᠠᠷ ᠭᠤᠤᠯ ᠪᠣᠯᠭᠠᠵᠤ᠂ 85% ᠠᠴᠠ ᠳᠡᠭᠡᠭᠰᠢᠬᠢ ᠶᠢ ᠡᠵᠡᠯᠡᠨ᠎ᠡ  ᠃ ᠲᠡᠳᠡ ᠬᠡᠲᠦᠶᠢᠪᠡᠷ ᠠᠳᠠᠯᠢ ᠪᠣᠰᠤ ᠨᠤᠲᠤᠭ ᠤᠰᠤ ᠠᠴᠠ ᠢᠷᠡᠭᠰᠡᠨ ᠪᠣᠯᠪᠠᠴᠤ ᠠᠮᠢᠲᠤᠷᠠᠯ ᠤᠨ ᠳᠠᠳᠬᠠᠯ᠂  ᠵᠠᠩ ᠠᠷᠠᠨᠰᠢᠨ ᠨᠢ ᠪᠦᠷ ᠮᠠᠯᠵᠢᠬᠤ ᠰᠣᠶᠤᠯ ᠠᠴᠠ ᠢᠷᠡᠯᠲᠠᠢ ᠪᠠᠶᠢᠵᠦ᠂ ᠮᠤᠷᠢᠳᠠᠨ ᠤ ᠬᠤᠪᠢ ᠵᠠᠶᠠᠭ᠎ᠠ  ᠲᠠᠢ ᠰᠢᠭᠤᠳ ᠪᠠᠷᠢᠯᠲᠣᠯᠭ᠎ᠠ ᠲᠠᠢ ᠶᠤᠮ᠃ ︽ᠮᠣᠷᠢᠲᠠᠨ ᠤ ᠬᠡᠶᠢᠮᠦᠷᠢ︾ ᠰᠣᠶᠤᠯ ᠤᠨ ᠪᠠᠶᠢᠭᠤᠯᠤᠯᠲᠠ ᠶᠢ ᠳᠤᠷᠠᠳᠣᠭᠰᠠᠨ ᠨᠢ ᠲᠡᠲᠡᠨ ᠢ ᠬᠠᠷᠠᠬᠠᠨ ᠪᠠᠭ᠎ᠠ ᠠᠴᠠ ᠨᠢ ᠦᠨᠲᠦᠰᠦᠲᠡᠨ ᠤ ᠦᠪ ᠰᠣᠶᠣᠯ ᠢ ᠳᠠᠨᠢᠭᠤᠯᠵᠦ᠂ ᠦᠨᠲᠦᠰᠦᠲᠡᠨ ᠤ ᠳᠡᠦᠬᠡ ᠶᠢ ᠮᠡᠳᠡᠭᠦᠯᠵᠦ᠂ ᠮᠣᠩᠭᠤᠯ ᠬᠦᠮᠦᠨ ᠪᠠ ᠮᠣᠩᠭᠤᠯ ᠮᠣᠷᠢ ᠶᠢᠨ ᠭᠠᠶᠢᠬᠠᠮᠰᠢᠭ ᠢ ᠤᠭᠤᠷᠠᠭ ᠳᠠᠷᠢᠬᠢᠨ ᠳᠤ ᠨᠢ ᠰᠢᠩᠭᠡᠭᠡᠨ᠂ ᠮᠣᠩᠭᠤᠯ ᠦᠨᠲᠦᠰᠦᠲᠡᠨ ᠤ ᠠᠭᠤᠵᠢᠭᠤ ᠪᠠᠭᠳᠠᠭᠠᠮᠵᠢᠲᠠᠢ᠂ ᠡᠷᠡᠯᠬᠡᠭ ᠪᠠᠭᠠᠲᠣᠷᠯᠢᠭ᠂ ᠤᠶᠤᠨ ᠤᠬᠠᠭᠠᠨ ᠲᠠᠢ᠂ ᠨᠣᠲᠤᠭ ᠣᠰᠣᠨ ᠳᠤ ᠪᠠᠨ ᠬᠠᠶᠢᠷ᠎ᠠ ᠲᠠᠢ ᠵᠤᠷᠢᠭ ᠰᠠᠨᠠᠭ᠎ᠠ ᠶᠢ ᠵᠠᠯᠭᠠᠮᠵᠢᠯᠠᠨ ᠬᠦᠭᠵᠢᠭᠦᠯᠬᠦ ᠶᠢᠨ ᠲᠦᠯᠦᠭᠡ ᠶᠤᠮ᠃      ᠮᠠᠨ ᠤ ᠰᠢᠯᠢ ᠶᠢᠨ ᠭᠤᠤᠯ ᠠᠶᠢᠮᠠᠭ ᠪᠣᠯ ᠳᠡᠯᠡᠬᠡᠢ ᠳᠡᠭᠡᠷ᠎ᠡ ᠬᠤᠪᠤᠷᠬᠠᠨ ᠪᠠᠶᠢᠭᠠᠯᠢᠭ ᠲᠠᠯ᠎ᠠ ᠨᠤᠲᠤᠭ ᠤᠨ ᠨᠢᠭᠡ ᠪᠤᠯᠬᠤ ᠮᠦᠷᠲᠡᠭᠡᠨ ᠮᠠᠯᠵᠢᠬᠤ ᠰᠣᠶᠣᠯ ᠢ ᠬᠠᠮᠤᠭ ᠪᠦᠷᠢᠨ ᠪᠦᠲᠦᠨ ᠬᠠᠳᠠᠭᠠᠯᠠᠵᠦ ᠪᠠᠶᠢᠭ᠎ᠠ ᠭᠠᠵᠠᠷ ᠤᠷᠤᠨ ᠤ ᠨᠢᠭᠡ ᠪᠤᠯᠤᠨ᠎ᠠ᠃ ᠮᠦᠨᠴᠦ 2010 ᠣᠨ ᠤ4 ᠰᠠᠷ᠎ᠠ ᠶᠢᠨ25 ᠳᠤ ᠰᠢᠯᠢ ᠶᠢᠨ ᠭᠤᠤᠯ ᠠᠶᠢᠮᠠᠭ ᠨᠢ ᠰᠢᠯᠢ ᠶᠢᠨ ᠬᠤᠲᠠ ᠪᠠᠷ ᠲᠥᠪ ᠪᠤᠯᠭᠠᠨ ︽ᠳᠣᠮᠳᠠᠳᠣ ᠤᠯᠤᠰ ᠤᠨ ᠠᠳᠣᠭᠤᠨ ᠰᠣᠶᠣᠯ ᠤᠨ ᠲᠥᠪ︾ ᠬᠡᠮᠡᠨ ᠨᠡᠷᠡᠶᠢᠳᠦᠭᠰᠡᠨ ᠪᠠᠶᠢᠨ᠎ᠠ᠃ ᠡᠶᠢᠮᠦ ᠰᠠᠶᠢᠬᠠᠨ ᠪᠠᠶᠢᠭᠠᠯᠢ ᠲᠠᠢ᠂ ᠡᠶᠢᠮᠦ ᠰᠠᠶᠢᠬᠠᠨ ᠰᠣᠶᠤᠯ ᠲᠠᠢ᠂ ᠳᠡᠭᠡᠭᠡᠳ ᠪᠠᠰᠠ︽ᠳᠣᠮᠳᠠᠳᠣ ᠤᠯᠤᠰ ᠤᠨ ᠠᠳᠣᠭᠤᠨ ᠰᠣᠶᠣᠯ ᠤᠨ ᠲᠥᠪ︾᠃ ᠮᠣᠩᠭᠤᠯ ᠰᠣᠶᠣᠯ ᠤᠨ ᠰᠣᠷᠭᠠᠨ ᠬᠦᠮᠦᠵᠢᠯ ᠤᠨ ᠭᠤᠯᠤᠮᠲᠠ ᠶᠢᠨ ᠨᠢᠭᠡ ᠪᠣᠯᠣᠭᠰᠠᠨ ᠪᠢᠳᠡ ᠡᠨᠡᠬᠦ ᠡᠬᠢ ᠪᠠᠶᠠᠯᠢᠭ ᠢ ᠠᠰᠢᠭᠯᠠᠵᠣ᠂ ᠬᠠᠮᠠᠭᠠᠯᠠᠵᠤ᠂ ᠬᠦᠭᠵᠢᠭᠦᠯᠵᠦ᠂ ᠦᠪᠡᠷ ᠤᠨ ᠰᠣᠶᠣᠯ ᠳᠡᠦᠬᠡ ᠪᠠᠨ ᠦᠪᠯᠡᠵᠦ ᠣᠯᠠᠮᠵᠢᠯᠠᠬᠤ ᠡᠭᠦᠷᠭᠡ ᠲᠠᠢ ᠶᠤᠮ᠃       ᠮᠠᠨ ᠤ ᠰᠣᠷᠭᠠᠭᠤᠯᠢ ᠨᠢ ᠬᠡᠲᠦᠶᠢᠪᠡᠷ ᠠᠶᠢᠮᠠᠭ ᠤᠨ  ᠲᠦᠪ ᠲᠤ ᠪᠠᠶᠢᠷᠢᠯᠠᠵᠦ ᠪᠠᠶᠢᠭ᠎ᠠ ᠪᠣᠯᠪᠠᠴᠤ᠂ 1981 ᠣᠨ ᠳᠤ ᠪᠠᠶᠢᠭᠤᠯᠤᠭᠳᠠᠭᠰᠠᠨ ᠠᠴᠠ ᠨᠠᠰᠢ ᠭᠤᠴᠢᠨ ᠬᠡᠲᠦᠨ ᠵᠢᠯ ᠰᠢᠷᠭᠠᠭᠤ ᠵᠠᠮᠨᠠᠯ ᠤᠨ ᠶᠠᠪᠤᠴᠠ ᠳᠤ ᠪᠠᠨ ᠦᠷᠭᠡᠨ ᠤᠯᠠᠨ ᠮᠠᠯᠴᠢᠨ ᠲᠦᠮᠡᠨ ᠳᠤ ᠦᠢᠯᠡᠴᠢᠯᠡᠬᠦ ᠴᠢᠭᠯᠡᠯᠲᠡ ᠶᠢ ᠪᠠᠷᠢᠮᠲᠠᠯᠠᠵᠦ᠂ ᠮᠣᠩᠭᠤᠯ ᠦᠷ᠎ᠡ ᠬᠡᠦᠬᠡᠳ ᠤᠳ ᠲᠤ ᠰᠣᠷᠭᠠᠨ ᠬᠦᠮᠦᠵᠢᠯ ᠬᠦᠷᠲᠡᠭᠡᠵᠦ᠂ ᠮᠠᠯᠵᠢᠬᠤ ᠰᠣᠶᠣᠯ᠂ ᠮᠠᠯᠵᠢᠬᠤ ᠠᠮᠢᠲᠤᠷᠠᠯ ᠠᠴᠠ ᠶᠡᠷᠦ ᠰᠠᠯᠤᠭᠰᠠᠨ ᠦᠭᠡᠢ᠃ ᠬᠡᠲᠦ ᠤᠳᠠᠭ᠎ᠠ ᠨᠡᠷ᠎ᠡ ᠪᠠᠨ ᠰᠣᠯᠢᠵᠦ᠂ ᠨᠠᠰᠢ ᠴᠠᠰᠢ ᠨᠡᠭᠦᠨ ᠰᠢᠯᠵᠢᠭᠰᠡᠨ ᠴᠤ ᠮᠣᠩᠭᠤᠯ ᠰᠣᠶᠣᠯ ᠳᠤ ᠪᠠᠨ ᠬᠠᠶᠢᠷᠠᠲᠠᠢ ᠥᠷᠭᠡᠨ‌ᠤᠯᠠᠨ ᠤ ᠳᠡᠮᠵᠢᠯᠭᠡ ᠪᠠ ᠪᠦᠬᠦ ᠪᠠᠭᠰᠢ ᠠᠵᠢᠯᠲᠠᠨ ᠤ ᠦᠢᠯᠡᠰ ᠢᠶᠠᠨ ᠳᠡᠭᠡᠲᠦᠯᠡᠵᠦ᠂ ᠦᠨᠲᠦᠰᠦᠲᠡᠨ ᠤᠭᠰᠠᠭ᠎ᠠ ᠪᠠᠨ ᠬᠠᠶᠢᠷᠠᠯᠠᠬᠤ ᠬᠠᠯᠠᠭᠤᠨ ᠰᠡᠳᠬᠢᠯᠭᠡ ᠶᠢᠨ ᠬᠦᠴᠦᠨ ᠳᠤ ᠮᠤᠷᠢᠲᠠᠨ ᠣᠭᠰᠠᠭᠠᠨ ᠤ ᠵᠤᠷᠢᠭ ᠰᠦᠰᠦ ᠶᠢ ᠪᠠᠳᠠᠷᠠᠭᠤᠯᠵᠦ᠂ ᠮᠣᠩᠭᠤᠯ ᠬᠦᠮᠦᠨ ᠤ ᠬᠡᠶᠢᠮᠦᠷᠢ ᠶᠢᠨ ᠷᠢᠳᠢ ᠰᠢᠳᠢ ᠳᠤ ᠥᠨᠥ ᠶᠢᠨ ᠴᠤᠯ ᠮᠣᠩᠭᠤᠯ ᠦᠨᠲᠦᠰᠦᠲᠡᠨ ᠤ ᠪᠠᠭ᠎ᠠ ᠰᠣᠷᠭᠠᠭᠤᠯᠢ ᠶᠢ ᠦᠯᠡᠳᠡᠭᠡᠨ ᠬᠠᠳᠠᠭᠠᠯᠠᠵᠦ ᠴᠢᠳᠠᠭᠰᠠᠨ ᠶᠤᠮ᠃       ᠬᠥᠬᠡ ᠮᠣᠷᠢᠨ ᠵᠢᠯ ᠤᠨ ᠴᠠᠭᠠᠨ ᠰᠠᠷ᠎ᠠ ᠠᠴᠠ ᠡᠮᠦᠨᠡᠬᠡᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠪᠠᠶᠢᠴᠠᠭᠠᠨ ᠰᠣᠳᠣᠯᠣᠯᠳᠠ ᠬᠢᠬᠦ ᠳᠤ ᠪᠠᠨ ︽ᠥᠪᠦᠷ ᠮᠣᠩᠭᠤᠯ ᠤᠨ ᠦᠨᠲᠦᠰᠦᠲᠡᠨ ᠨᠦᠭᠦᠳ ᠤᠨ ᠠᠷᠠᠳ ᠲᠦᠮᠡᠨ ᠮᠦᠨ ᠬᠦ ᠮᠣᠩᠭᠤᠯ ᠮᠤᠷᠢᠨ ᠤ ︿ᠰᠢᠷᠭᠠᠭᠤ ᠬᠠᠲᠠᠭᠤᠵᠢᠯᠲᠠᠢ ᠲᠡᠮᠡᠴᠡᠨ ᠴᠤᠴᠠᠯᠲᠠ ᠦᠭᠡᠢ ᠣᠷᠣᠭᠰᠢᠯᠠᠲᠠᠭ﹀ ᠵᠤᠷᠢᠭ ᠰᠠᠨᠠᠭ᠎ᠠ ᠶᠢ ᠪᠠᠳᠠᠷᠠᠭᠤᠯᠣᠰᠣᠭᠠᠢ︕︾ ᠭᠡᠰᠡᠨ ᠣᠷᠢᠶᠠᠯᠠᠭ᠎ᠠ ᠳᠤ ᠵᠤᠬᠢᠴᠠᠭᠤᠯᠤᠭᠰᠠᠨ ᠪᠠᠶᠢᠨ᠎ᠠ᠃       ᠣᠯᠣᠰ ᠤᠨ ᠳᠣᠲᠣᠭᠠᠲᠣ ᠭᠠᠳᠠᠭᠠᠲᠦ ᠶᠢᠨ ᠰᠢᠯᠢᠲᠡᠭ ᠰᠣᠷᠭᠠᠨ ᠬᠦᠮᠦᠵᠢᠯ ᠤᠨ ᠣᠨᠤᠯ ᠪᠠ ᠰᠣᠷᠭᠠᠨ ᠬᠦᠮᠦᠵᠢᠯ ᠤᠨ ᠦᠵᠡᠯ ᠰᠠᠨᠠᠭ᠎ᠠ ᠶᠢ ᠰᠤᠷᠤᠯᠴᠠᠨ ᠰᠢᠩᠭᠡᠭᠡᠨ ᠠᠪᠴᠤ᠂ ᠦᠪᠡᠷ ᠤᠨ ᠰᠤᠷᠭᠠᠭᠤᠯᠢ ᠨᠤᠳᠤᠭ ᠣᠰᠣᠨ ᠤ ᠪᠣᠳᠠᠳᠣ ᠪᠠᠶᠢᠳᠠᠯ ᠲᠠᠢ ᠤᠶᠠᠯᠲᠤᠭᠤᠯᠪᠠᠯ ᠰᠠᠶ᠋ᠢ ᠳᠠᠪᠰᠢᠩᠭᠤᠢ ᠤᠨᠤᠯ ᠤᠨ ᠳᠣᠯᠬᠤ ᠬᠦᠴᠦᠨ ᠲᠠᠢ ᠮᠦᠷᠲᠡᠭᠡᠨ ᠦᠪᠡᠷ ᠤᠨ ᠤᠨᠴᠠᠯᠢᠭ ᠢ ᠪᠦᠷᠢᠯᠲᠦᠭᠦᠯᠵᠦ᠂ ᠪᠤᠳᠠᠲᠠᠢ ᠰᠣᠷᠭᠠᠨ ᠬᠦᠮᠦᠵᠢᠬᠦᠯᠬᠦ ᠵᠢᠭᠠᠨ ᠰᠤᠷᠭᠠᠬᠤ ᠠᠵᠢᠯᠯᠠᠭ᠎ᠠ ᠳᠤᠮᠳᠠ ᠬᠡᠷᠡᠭᠯᠡᠬᠦ ᠪᠠ ᠬᠦᠭᠵᠢᠭᠦᠯᠵᠦ  ᠂ ᠰᠣᠷᠭᠠᠭᠤᠯᠢ ᠶᠢᠨ ᠰᠤᠶᠤᠯ ᠤᠨ ᠪᠠᠶᠢᠭᠤᠯᠤᠯᠲᠠ ᠶᠢᠨ ᠪᠦᠷᠢᠯᠲᠦᠯ 《 ᠮᠤᠷᠢᠳᠠᠨ ᠤ ᠬᠡᠶᠢᠮᠦᠷᠢ》 ᠰᠤᠷᠭᠠᠭᠤᠯᠢ ᠶᠢᠨ ᠰᠤᠶᠤᠯ ᠤᠨ ᠪᠠᠶᠢᠭᠤᠯᠤᠯᠲᠠ ᠪᠤᠢ ᠪᠤᠯᠵᠠᠢ᠃       ᠤᠯᠠᠮᠵᠢᠯᠠᠯᠲᠦ ᠤᠶᠢᠯᠠᠭᠠᠭᠳᠠᠬᠤᠨ ᠳᠤ ᠮᠤᠷᠢᠲᠠᠨ ᠨᠢ ᠨᠢᠭᠡ ᠲᠠᠯ᠎ᠠ ᠪᠠᠷ ᠡᠷᠡᠯᠬᠡᠭ ᠪᠠᠭᠠᠲᠤᠷᠯᠢᠭ ᠢ ᠢᠯᠡᠷᠡᠭᠦᠯᠵᠦ᠂ ᠨᠦᠭᠦᠬᠡ ᠲᠠᠯ᠎ᠠ ᠪᠠᠷ ᠦᠨᠲᠦᠰᠦᠲᠡᠨ ᠤ ᠪᠦᠬᠦᠶᠢᠯᠡ ᠴᠤᠭᠴᠠ ᠶᠢᠨ ᠴᠢᠨᠠᠷ ᠴᠢᠨᠰᠠᠭ᠎ᠠ ᠶᠢ ᠢᠯᠡᠳᠭᠡᠵᠦ ᠪᠠᠶᠢᠳᠠᠭ᠃ ᠡᠭᠦᠨ ᠳᠤ ᠪᠡᠶ᠎ᠡ ᠳᠤ ᠪᠠᠨ ᠢᠲᠡᠭᠡᠯ ᠲᠠᠢ᠂ ᠡᠷᠡᠯᠬᠡᠭ ᠪᠠᠭᠠᠲᠣᠷᠯᠢᠭ᠂ ᠳᠡᠰᠪᠦᠷᠢ ᠳᠠᠭᠠᠭᠠᠮᠠᠭᠠᠢ᠂ ᠴᠤᠪᠤᠭᠤ ᠰᠡᠷᠭᠦᠯᠡᠩ᠂ ᠨᠤᠳᠤᠭ ᠤᠰᠤᠨ ᠳᠤ ᠪᠠᠨ ᠡᠭᠡᠯᠢᠲᠡᠢ᠂ ᠣᠬᠠᠭᠠᠯᠢᠭ ᠬᠦᠮᠦᠨ ᠢ ᠬᠦᠮᠦᠵᠢᠭᠦᠯᠬᠦ ᠠᠭᠤᠯᠭ᠎ᠠ ᠶᠢ ᠪᠠᠭᠲᠠᠭᠠᠵᠤ᠂ ᠬᠡᠶᠢᠮᠦᠷᠢ ᠨᠢ ᠮᠣᠩᠭᠤᠯ ᠬᠦᠮᠦᠨ ᠤ ᠰᠦᠯᠲᠡ ᠵᠤᠯᠪᠤᠭ᠎ᠠ᠂ ᠦᠭᠡᠲᠡ ᠡᠰᠡᠷᠡᠭ ᠪᠠᠶᠢᠬᠤ ᠶᠢ ᠪᠡᠯᠭᠡᠳᠡᠵᠦ ᠪᠠᠶᠢᠳᠠᠭ᠃       ᠰᠣᠷᠭᠠᠭᠤᠯᠢ ᠨᠢ ︽ᠮᠤᠷᠢᠲᠠᠨ ᠤ ᠬᠡᠶᠢᠮᠦᠷᠢ︾ ᠰᠣᠷᠭᠠᠭᠤᠯᠢ ᠶᠢᠨ ᠰᠣᠶᠣᠯ ᠤᠨ ᠪᠠᠶᠢᠭᠤᠯᠤᠯᠲᠠ ᠶᠢᠨ ᠲᠦᠰᠦᠪ ᠢ ᠪᠠᠭᠰᠢ ᠠᠵᠢᠯᠲᠠᠨ ᠤ ᠳᠣᠮᠳᠠ ᠨᠡᠶᠢᠳᠡᠯᠡᠨ ᠣᠯᠠᠨ ᠤ ᠰᠠᠨᠠᠯ ᠰᠠᠨᠠᠭᠤᠯᠭ᠎ᠠ ᠶᠢ ᠦᠷᠭᠡᠨ‌‍ᠢᠶ᠋ᠡᠷ ᠬᠤᠷᠢᠶᠠᠭᠰᠠᠨ ᠤ ᠬᠠᠮᠲᠦ ᠡᠨᠡᠬᠦ ᠰᠣᠶᠣᠯ ᠤᠨ ᠪᠠᠶᠢᠭᠤᠯᠤᠯᠲᠠ ᠯᠤᠭ᠎ᠠ ᠵᠤᠬᠢᠴᠠᠯᠳᠣᠭᠰᠠᠨ ᠰᠣᠷᠭᠠᠭᠤᠯᠢ ᠡᠷᠬᠢᠯᠡᠬᠦ ᠬᠠᠷᠠᠯᠲᠠ᠂ ᠬᠦᠮᠦᠵᠢᠭᠦᠯᠬᠦ ᠬᠠᠷᠠᠯᠲᠠ᠂ ᠰᠤᠷᠭᠠᠭᠤᠯᠢ ᠶᠢᠨ ᠰᠣᠷᠳᠠᠯ᠂ ᠵᠢᠭᠠᠬᠤ ᠰᠣᠷᠳᠠᠯ᠂ ᠰᠣᠷᠬᠤ ᠰᠣᠷᠳᠠᠯ ᠤᠨ ᠠᠭᠤᠯᠭ᠎ᠠ ᠶᠢ ᠪᠠᠭᠰᠢ ᠠᠵᠢᠯᠲᠠᠨ ᠤ ᠳᠣᠮᠲᠠ ᠠᠴᠠ ᠬᠤᠷᠢᠶᠠᠨ ᠡᠮᠬᠢᠳᠭᠡᠵᠦ ᠪᠣᠯᠪᠠᠰᠣᠷᠠᠭᠤᠯᠤᠨ ᠭᠠᠷᠭᠠᠭᠰᠠᠨ ᠪᠠᠶᠢᠨ᠎ᠠ ᠃   ᠮᠠᠨ ᠤ ᠰᠤᠷᠭᠠᠭᠤᠯᠢ ᠶᠢᠨ ᠮᠤᠷᠢᠳᠠᠨ ᠤ ᠬᠡᠶᠢᠮᠦᠷᠢ  ᠭᠤᠤᠯ ᠤᠡᠴᠠᠯᠢᠭ ᠨᠢ《 ᠮᠤᠷᠢᠲᠠᠢ ᠮᠣᠩᠭᠤᠯ ᠤᠨ ᠨᠤᠮ  ᠲᠠᠢ ᠬᠡᠤᠬᠡᠳ》   ᠪᠠ《 ᠮᠤᠷᠢᠲᠠᠢ ᠮᠣᠩᠭᠤᠯ ᠤᠨ ᠮᠤᠷᠠᠯ ᠲᠠᠢ ᠬᠡᠤᠬᠡᠳ》 ᠭᠡᠭᠦ ᠬᠤᠶᠠᠷ ᠵᠦᠢᠯ ᠤᠨ ᠭᠤᠤᠯ ᠪᠤᠳᠠᠳᠤ ᠠᠵᠢᠯᠯᠠᠭ᠎ᠠ ᠪᠠᠷ ᠶᠠᠪᠤᠭᠳᠠᠳᠠᠭ᠃     《 ᠮᠤᠷᠢᠲᠠᠢ ᠮᠣᠩᠭᠤᠯ ᠤᠨ ᠨᠤᠮ ᠲᠠᠢ ᠬᠡᠤᠬᠡᠳ 》ᠬᠢᠴᠢᠶᠡᠯᠯᠡᠭᠡ ᠪᠤᠯ ᠮᠣᠩᠭᠤᠯ ᠰᠡᠳᠬᠢᠬᠦᠢ ᠲᠠᠢ᠂ ᠴᠠᠭ ᠡᠷᠡᠨ ᠤ ᠬᠠᠷᠠᠭ᠎ᠠ ᠲᠠᠢ ᠬᠦᠮᠦᠨ ᠢ ᠬᠦᠮᠦᠵᠢᠬᠦᠯᠬᠦ ᠬᠠᠷᠠᠯᠲᠠ ᠲᠠᠢ ᠰᠠᠭᠤᠷᠢᠯᠠᠭᠰᠠᠨ ᠦᠡᠳᠦᠰᠦᠳᠡᠨ ᠤ ᠤᠡᠴᠠᠯᠢᠭᠳᠤ ᠬᠢᠴᠢᠶᠡᠯᠯᠡᠭᠡ ᠶᠢᠨ ᠰᠤᠶᠤᠯ᠂ ᠦᠵᠡᠯ ᠰᠠᠨᠠᠭᠠᠨ ᠤ ᠬᠠᠶᠢᠯᠲᠠ ᠪᠤᠯᠤᠨ᠎ᠠ᠃ ᠮᠣᠩᠭᠤᠯ ᠬᠡᠤᠬᠡᠳ ᠤᠨ ᠦᠨᠳᠦᠰᠦ ᠤᠭᠰᠠᠭ᠎ᠠ ᠪᠠᠨ ᠮᠡᠳᠡᠬᠦ᠂ ᠦᠪ ᠰᠤᠶᠤᠯ ᠢᠶᠠᠨ ᠵᠠᠯᠭᠠᠮᠵᠢᠯᠠᠬᠤ ᠰᠠᠭᠤᠷᠢᠨ ᠳᠡᠭᠡᠷ᠎ᠡ ᠮᠣᠩᠭᠤᠯ ᠢᠶᠠᠷ ᠢᠶᠠᠨ ᠰᠡᠳᠬᠢᠨ ᠰᠤᠷᠤᠯᠴᠠᠬᠤ ᠶᠢ ᠵᠤᠷᠢᠭᠵᠢᠭᠤᠯᠬᠤ ᠶᠢᠨ ᠲᠦᠯᠦᠭᠡ ᠠᠪᠤᠭᠰᠠᠨ ᠴᠢᠷᠮᠠᠶᠢᠯᠭ᠎ᠠ ᠪᠤᠯᠤᠨ᠎ᠠ᠃ ᠡᠨᠡᠬᠦ ᠬᠢᠴᠢᠶᠡᠯᠯᠡᠭᠡ ᠪᠡᠨ‌‍ᠰᠤᠷᠤᠭᠴᠢ ᠶᠢᠨ ᠪᠤᠳᠠᠳᠤ ᠪᠠᠶᠢᠳᠠᠯ ᠳᠤ  ᠵᠤᠬᠢᠴᠠᠭᠤᠯᠤᠨ᠂ ᠰᠤᠷᠤᠭᠴᠢ ᠶᠢᠨ ᠬᠡᠯᠡ ᠰᠡᠳᠬᠢᠬᠦᠢ ᠠᠯᠳᠠᠭᠳᠠᠵᠤ ᠪᠠᠶᠢᠭ᠎ᠠ ᠪᠠᠶᠢᠳᠠᠯ ᠳᠤ ᠴᠢᠭᠯᠡᠭᠦᠯᠦᠨ ᠤᠯᠠᠨ ᠵᠦᠢᠯ ᠤᠨ ᠬᠡᠯᠪᠡᠷᠢ ᠶᠢᠨ ᠬᠢᠴᠢᠶᠡᠯ ᠢ ᠨᠡᠭᠡᠭᠡᠵᠦ  ᠂ ᠤᠯᠠᠨ ᠡᠰᠢᠳᠤ ᠬᠦᠭᠵᠢᠯᠲᠠ ᠶᠢ ᠪᠠᠶᠠᠯᠠᠬᠦᠯᠬᠦ   ᠪᠠᠷ ᠵᠠᠩᠬᠢᠯᠠᠭ᠎ᠠ ᠪᠣᠯᠭᠠᠵᠠᠢ᠃ ᠵᠦᠢᠷ ᠰᠡᠴᠡᠨ ᠦᠬᠡ᠂ ᠰᠢᠯᠦᠭ ᠮᠠᠭᠳᠠᠭᠠᠯ ᠴᠡᠬᠡᠵᠢᠯᠡᠬᠦ᠂ ᠬᠡᠦᠬᠡᠳ ᠤᠨ ᠦᠨᠳᠦᠰᠦᠨ ᠮᠡᠳᠡᠯᠬᠡ ᠶᠢ ᠪᠠᠳᠤᠳᠬᠠᠨ ᠡᠵᠡᠮᠰᠢᠬᠦᠯᠬᠦ ᠦᠨᠳᠦᠰᠦᠨ ᠴᠢᠳᠠᠪᠦᠷᠢ ᠶᠢᠨ ᠤᠷᠤᠯᠳᠤᠭᠠᠨ᠂ ᠤᠨᠴᠠᠯᠢᠭᠳᠤ ᠳᠠᠰᠬᠠᠯ ᠤᠨ ᠮᠦᠷᠦᠶᠢᠴᠡᠬᠡᠨ ᠵᠡᠷᠬᠡ ᠠᠭᠤᠯᠭ᠎ᠠ ᠪᠠᠷ ᠰᠠᠷ᠎ᠠ ᠪᠤᠯᠭᠠᠨ ᠨᠢᠬᠡ ᠤᠳᠠᠭᠠᠨ  ᠤ ᠰᠢᠷᠢᠰ ᠠᠵᠢᠯᠯᠠᠭ᠎ᠠ ᠶᠢ ᠦᠷᠨᠢᠬᠦᠯᠵᠦ᠂  ᠬᠡᠷ ᠤᠨ ᠠᠬᠠᠮᠠᠳ ᠪᠤᠯᠤᠨ ᠪᠠᠭᠰᠢ ᠰᠤᠷᠤᠭᠴᠢᠳ ᠬᠠᠮᠳᠤᠷᠠᠭᠰᠠᠨ ᠵᠠᠩ ᠦᠢᠯᠡ ᠶᠢᠨ ᠬᠢᠴᠢᠶᠡᠯ ᠢ ᠦᠷᠨᠢᠬᠦᠯᠵᠦ᠂  ᠰᠤᠷᠤᠯᠴᠠᠵᠤ ᠴᠢᠳᠠᠬᠤ᠂ ᠰᠡᠳᠬᠢᠵᠦ ᠴᠢᠳᠠᠬᠤ᠂  ᠡᠬᠦᠳᠴᠦ ᠴᠢᠳᠠᠬᠤ ᠳᠠᠯ᠎ᠠ ᠶᠢᠨ ᠴᠢᠳᠠᠪᠦᠷᠢ ᠶᠢᠨ ᠰᠠᠭᠤᠷᠢ ᠶᠢ ᠳᠠᠯᠪᠢᠭᠰᠠᠨ ᠪᠠᠶᠢᠨ᠎ᠠ᠃      《 ᠮᠤᠷᠢᠲᠠᠢ ᠮᠣᠩᠭᠤᠯ ᠤᠨ ᠮᠤᠷᠠᠯ ᠲᠠᠢ ᠬᠡᠤᠬᠡᠳ 》ᠮᠤᠷᠠᠯ ᠬᠦᠮᠦᠵᠢᠯ ᠤᠨ ᠵᠠᠭᠪᠤᠷ ᠢ ᠲᠤᠬᠳᠠᠵᠦ ᠪᠦᠬᠦ ᠰᠤᠷᠭᠠᠭᠤᠯᠢ ᠶᠢᠨ ᠬᠦᠷᠢᠶᠠᠨ ᠳᠤ  ᠮᠡᠡᠳᠤᠴᠢᠯᠡᠬᠦ ᠶᠤᠰᠤ ᠶᠢ  ᠲᠦᠭᠡᠮᠡᠯᠵᠢᠯᠡᠬᠦᠯᠵᠦ᠂ ᠰᠤᠷᠤᠭᠴᠢ ᠪᠦᠬᠦᠨ ᠪᠤᠯᠪᠠᠰᠤᠨ ᠶᠤᠰᠤᠷᠬᠠᠭ ᠪᠠᠶᠢᠵᠦ᠂ ᠠᠪᠤ ᠡᠵᠢ ᠠᠬᠠᠮᠠᠳ ᠲᠤᠮᠤᠭᠠᠳᠠᠳ  ᠪᠤᠯᠤᠨ  ᠪᠠᠭᠰᠢ ᠨᠠᠷ ᠲᠠᠢ ᠪᠠᠨ ᠠᠭᠤᠯᠵᠠᠪᠠᠯ《ᠰᠠᠶᠢᠨ ᠤᠤ︖》ᠬᠡᠵᠦ  ᠮᠡᠡᠳᠤᠯᠡᠳᠡᠭ ᠰᠠᠶᠢᠬᠠᠨ ᠳᠠᠳᠬᠠᠯ ᠲᠠᠢ ᠪᠤᠯᠭᠠᠨ ᠬᠦᠮᠦᠵᠢᠬᠦᠯᠦᠭᠰᠡᠨ ᠪᠢᠯᠡ᠃ ᠮᠦᠡᠴᠦ ᠠᠪᠤ ᠡᠵᠢ ᠪᠠᠨ ᠬᠠᠶᠢᠷᠠᠯᠠᠬᠤ᠂ ᠬᠡᠷ  ᠪᠦᠯᠢ ᠪᠠᠨ ᠬᠠᠶᠢᠷᠠᠯᠠᠬᠤ᠂ ᠪᠠᠭᠰᠢ   ᠪᠠᠨ ᠬᠦᠡᠳᠦᠳᠭᠡᠬᠦ᠂ ᠬᠠᠶᠢᠷ᠎ᠠ ᠬᠠᠯᠠᠮᠵᠢ   ᠪᠠᠨ  ᠬᠦᠷᠳᠡᠭᠡᠬᠦ᠂ ᠠᠮᠢ ᠠᠬᠤᠢ ᠤᠷᠴᠢᠨ ᠲᠤᠭᠤᠷᠢᠨ ᠢᠶᠠᠨ ᠬᠠᠮᠠᠭᠠᠯᠠᠬᠤ᠂ ᠪᠠᠶᠠᠷ ᠲᠤᠷᠠᠰᠬᠠᠯ ᠤᠨ ᠡᠳᠦᠷ ᠭᠤᠤᠯ ᠰᠡᠳᠤᠪᠳᠤ ᠠᠵᠢᠯᠯᠠᠭ᠎ᠠ ᠦᠷᠨᠢᠬᠦᠯᠬᠦ᠂ ᠨᠡᠭᠦᠳᠡᠯ ᠰᠤᠶᠤᠯ ᠤᠨ ᠬᠦᠮᠦᠵᠢᠯ ᠬᠢᠬᠦ᠂ ᠤᠯᠠᠨ ᠵᠦᠢᠯ ᠤᠨ ᠦᠢᠯᠡᠳᠦᠯᠬᠡ ᠶᠢᠨ ᠠᠵᠢᠯᠯᠠᠭ᠎ᠠ   ᠳᠤ ᠤᠷᠤᠯᠴᠠᠬᠤ᠂ ᠤᠯᠠᠮᠵᠢᠯᠠᠯᠲᠤ ᠲᠠᠮᠢᠷ ᠤᠷᠠᠯᠢᠭ ᠤᠨ ᠬᠦᠮᠦᠵᠢᠯ ᠬᠢᠬᠦ ᠵᠡᠷᠭᠡ ᠤᠯᠠᠨ ᠲᠠᠯ᠎ᠠ ᠶᠢᠨ ᠬᠦᠳᠡᠯᠪᠦᠷᠢ ᠦᠷᠨᠢᠬᠦᠯᠵᠦ ᠪᠠᠶᠢᠳᠠᠭ᠃  ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠭᠦᠭᠵᠢᠬᠡᠵᠦ᠂ ᠡᠯ᠎ᠡ ᠲᠠᠯ᠎ᠠ ᠶᠢᠨ ᠠᠪᠢᠶᠠᠰ ᠴᠢᠳᠠᠪᠤᠷᠢ ᠶᠢ  ᠬᠦᠮᠦᠵᠢᠬᠦᠯᠬᠦ   ᠪᠠᠷ ᠱᠠᠭ᠎ᠠ ᠨᠠᠭᠠᠳᠬᠤ᠂ ᠮᠣᠩᠭᠤᠯ ᠰᠢᠳᠠᠷ᠎ᠠ᠂ ᠶᠠᠳᠤᠭ᠎ᠠ᠂ ᠮᠤᠷᠢᠨ ᠬᠤᠭᠤᠷ᠂ ᠪᠦᠵᠢᠭ᠂ᠮᠣᠩᠭᠤᠯ ᠤᠶᠤᠳᠠᠯ᠂ ᠠᠷᠠᠰᠤᠨ ᠤᠷᠠᠯᠠᠯ᠂ᠮᠣᠩᠭᠤᠯ ᠪᠦᠷᠭᠡ᠂ ᠰᠤᠷ ᠬᠠᠷᠪᠤᠯᠲᠠ᠂ ᠤᠷᠠᠨ ᠪᠢᠴᠢᠯᠭᠡ  ᠂ ᠤᠷᠠᠨ ᠵᠢᠷᠤᠭ᠂  ᠭᠠᠷ ᠤᠷᠠᠯᠠᠯ᠂ ᠳᠠᠭᠤᠤ᠂ ᠬᠦᠯ ᠪᠦᠮᠪᠦᠭᠡ᠂《 ᠠᠳᠤᠭᠤᠨ ᠰᠤᠶᠤᠯ》 ᠤᠨ ᠵᠠᠩ ᠦᠢᠯᠡ ᠵᠡᠷᠭᠡ ᠬᠤᠷᠢᠨ ᠬᠡᠳᠤᠨ ᠵᠦᠢᠯ ᠤᠨ ᠲᠤᠷ᠎ᠠ ᠰᠤᠨᠢᠷᠬᠠᠯᠳᠤ ᠬᠢᠴᠢᠶᠡᠯ ᠢ ᠨᠡᠭᠡᠭᠡᠵᠦ ᠪᠠᠶᠢᠨ᠎ᠠ᠃《 ᠮᠤᠷᠢᠳᠠᠨ ᠤ ᠬᠡᠶᠢᠮᠦᠷᠢ》 ᠤᠨᠴᠠᠯᠢᠭᠳᠤ ᠰᠤᠷᠭᠠᠭᠤᠯᠢ‌‍ᠶᠢᠨ ᠠᠳᠤᠭᠤᠨ ᠰᠤᠶᠤᠯ ‍ᠤᠨ‌ᠦᠢᠯᠡᠳᠦᠯᠬᠡ ᠶᠢᠨ ᠬᠢᠴᠢᠶᠡᠯ ᠢ ᠨᠡᠩ ᠪᠤᠳᠠᠳᠠᠶᠢᠵᠢᠭᠤᠯᠬᠤ ᠶᠢᠨ ᠳᠦᠯᠦᠬᠡ ᠳᠤᠰᠬᠠᠢ ᠮᠠᠯᠴᠢᠨ ᠡᠷᠦᠬᠡ  ᠲᠠᠢ ᠬᠠᠮᠳᠤᠷᠠᠨ ᠠᠳᠤᠭᠤᠨ ᠰᠤᠶᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠰᠠᠷ᠎ᠠ ᠳᠤ ᠨᠢᠬᠡ ᠤᠳᠠᠭᠠᠨ ᠤ ᠮᠠᠯᠵᠢᠬᠤ ᠰᠤᠶᠤᠯ ᠳᠤ ᠪᠡᠶ᠎ᠡ ᠪᠠᠷ ᠢᠶᠠᠨ ᠤᠷᠤᠯᠴᠠᠬᠤ ᠬᠦᠳᠡᠯᠬᠡᠬᠡᠨ ᠢ ᠵᠤᠬᠢᠶᠠᠨ ᠪᠠᠶᠢᠭᠤᠯᠵᠤ᠂ ᠨᠦᠬᠦᠴᠡᠯ ᠢ ᠪᠦᠷᠢᠯᠳᠦᠬᠦᠯᠦᠭᠰᠡᠨ ᠠᠴᠠ ᠨᠡᠬᠦᠳᠡᠯ ᠰᠤᠶᠤᠯ ᠤᠨ ᠮᠠᠷᠳᠠᠭᠳᠠᠬᠤ ᠰᠢᠬᠠᠭᠰᠠᠨ ᠵᠦᠢᠯ ᠢ ᠰᠤᠷᠤᠭᠴᠢᠳ ᠲᠤ ᠪᠠᠨ ᠠᠯᠢ ᠴᠢᠳᠠᠬᠤ ᠪᠠᠷ ᠨᠦᠬᠦᠪᠦᠷᠢᠯᠡᠵᠦ ᠴᠢᠳᠠᠭᠰᠠᠨ ᠪᠠᠶᠢᠨ᠎ᠠ᠃ ᠮᠦᠨᠴᠦ ᠭᠠᠷᠠᠭ ᠪᠤᠯᠭᠠᠨ ᠤ ᠭᠠᠷᠠᠭ ᠤᠨ ᠳᠠᠪᠤᠨ ᠤ ᠡᠳᠦᠷ ᠢ ᠦᠢᠯᠡᠳᠦᠯᠬᠡ ᠶᠢᠨ ᠠᠵᠢᠯᠯᠠᠭ᠎ᠠ ᠳᠤ ᠤᠷᠤᠯᠴᠠᠬᠤ ᠡᠳᠦᠷ ᠢᠶᠠᠷ ᠳᠤᠭᠳᠠᠭᠠᠨ᠂  ᠦᠳᠡ ᠶᠢᠨ ᠡᠮᠦᠨ᠎ᠡ ᠰᠤᠷᠭᠠᠭᠤᠯᠢ ᠶᠢᠨ ᠬᠦᠷᠢᠶᠡᠨ ᠳᠤ ᠪᠠᠨ ᠡᠯ᠎ᠡ ᠵᠦᠢᠯ ᠤᠨ ᠠᠵᠢᠯ ᠬᠦᠳᠡᠯᠮᠦᠷᠢ ᠬᠢᠬᠦ᠂ ᠨᠤᠮ ᠤᠩᠰᠢᠬᠤ᠂ ᠶᠤᠰᠤ ᠰᠤᠷᠳᠠᠬᠤᠨ ᠤ ᠬᠢᠴᠢᠶᠡᠯ ᠰᠤᠨᠤᠰᠬᠤ᠂ ᠬᠠᠤᠯᠢ ᠴᠠᠭᠠᠵᠠ ᠶᠢᠨ ᠮᠡᠳᠡᠯᠬᠡ ᠰᠤᠷᠤᠯᠴᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠦᠷᠨᠢᠬᠦᠯᠵᠦ᠂ ᠦᠳᠡ ᠶᠢᠨ ᠬᠤᠶᠢᠨ᠎ᠠ ᠰᠤᠷᠭᠠᠭᠤᠯᠢ ᠶᠢᠨ ᠬᠦᠷᠢᠶᠡᠨ ᠠᠴᠠ ᠭᠠᠷᠴᠤ ᠰᠢᠯᠢ ᠶᠢᠨ ᠭᠤᠤᠯ‌‍ᠤᠨ ᠠᠶᠢᠮᠠᠭ ᠤᠨ ᠮᠦᠽᠧᠢ ᠶᠢ ᠳᠤᠭᠤᠷᠢᠨ ᠦᠵᠡᠬᠦ᠂ ᠰᠢᠯᠢ ᠶᠢᠨ ᠭᠤᠤᠯ ᠠᠵᠢᠯ ᠮᠡᠷᠭᠡᠵᠢᠯ ᠤᠨ ᠰᠤᠷᠭᠠᠭᠤᠯᠢ ᠶᠢᠨ ᠨᠤᠮ ᠤᠨ ᠰᠠᠩ᠂ ᠪ᠊  ᠪᠢᠯᠢᠭ ᠤᠨ ᠵᠢᠷᠤᠭ ᠤᠨ ᠦᠵᠡᠰᠭᠦᠯᠠᠩ ᠢ ᠰᠤᠨᠢᠷᠬᠠᠬᠤ  ᠂ ᠬᠦᠳᠡᠭᠡ ᠬᠡᠬᠡᠷ᠎ᠡ ᠵᠤᠭᠠᠴᠠᠬᠤ᠂ ᠦᠨᠦᠴᠢᠨ ᠬᠡᠤᠬᠡᠳ ᠤᠨ ᠬᠦᠷᠢᠶᠠᠯᠡᠩ ᠳᠤ  ᠤᠴᠢᠬᠤ᠂ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠠᠯᠡᠩ ᠳᠤ ᠤᠴᠢᠬᠤ ᠬᠡᠭᠦ ᠮᠡᠳᠦ ᠶᠢᠨ ᠬᠦᠳᠡᠯᠭᠡᠭᠡᠨ ᠢ ᠦᠷᠨᠢᠬᠦᠯᠵᠦ ᠰᠤᠷᠤᠭᠴᠢᠳ ᠢ ᠬᠠᠷᠠᠬᠠᠨ ᠪᠠᠭ᠎ᠠ ᠠᠴᠠ  ᠨᠢ ᠲᠡᠤᠭᠡ  ᠰᠤᠶᠤᠯ ᠢᠶᠠᠨ ᠮᠡᠳᠡᠳᠡᠭ ᠪᠤᠯᠪᠠᠰᠤᠨ ᠶᠤᠰᠤᠷᠬᠠᠭ ᠬᠠᠯᠠᠭᠤᠨ ᠰᠡᠳᠬᠢᠯ ᠲᠠᠢ ᠵᠦᠪ ᠮᠣᠩᠭᠤᠯ ᠬᠡᠤᠬᠡᠳ ᠢ ᠬᠦᠮᠦᠵᠢᠬᠦᠯᠬᠦ ᠪᠠᠷ ᠴᠢᠷᠮᠠᠶᠢᠵᠦ ᠬᠢᠭᠰᠡᠭᠡᠷ ᠢᠷᠡᠭᠰᠡᠨ ᠪᠢᠯᠡ᠃        ᠲᠤᠰᠬᠠᠢ ᠪᠠᠭᠰᠢ ᠶᠢᠨ ᠬᠦᠭᠵᠢᠯᠲᠠ ᠶᠢᠨ ᠪᠤᠯᠪᠠᠰᠤᠷᠠᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠦ ᠲᠤᠳᠤᠭᠠᠳᠤ ᠪᠤᠯᠪᠠᠰᠤᠷᠠᠯ ᠢᠶᠠᠷ ᠭᠤᠤᠯ ᠪᠤᠯᠭᠠᠨ᠂ ᠭᠠᠳᠠᠭᠠᠳᠤ ᠪᠤᠯᠪᠠᠰᠤᠷᠠᠯ ᠢᠶᠠᠷ ᠨᠦᠬᠦᠪᠦᠷᠢᠯᠡᠨ᠂  ᠰᠤᠷᠭᠠᠭᠤᠯᠢ  ᠠᠴᠠ ᠬᠤᠭᠤᠴᠠᠭ᠎ᠠ ᠪᠤᠯᠭᠠᠨ ᠲᠤᠰᠬᠠᠢ ᠵᠠᠷᠤᠳᠠᠯ ᠭᠠᠷᠭᠠᠨ ᠪᠠᠭᠰᠢ ᠶᠢᠨ ᠬᠦᠭᠵᠢᠯᠲᠠ ᠳᠤ ᠳᠠᠪᠴᠠᠩ ᠬᠠᠨᠭ᠍ᠭᠠᠨ᠂ ᠪᠠᠭᠰᠢ ᠶᠢᠨ ᠡᠩᠨᠡᠭᠡᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ 《 ᠳᠠᠭᠠᠭᠤᠯᠤᠭᠴᠢ ᠪᠠᠭᠰᠢ ᠶᠢᠨ ᠲᠦᠷᠢᠮ 》 ᠢ ᠬᠡᠷᠡᠭᠵᠢᠬᠦᠯᠵᠦ᠂ ᠰᠤᠷᠭᠠᠭᠤᠯᠢ ᠶᠢᠨ ᠲᠤᠳᠤᠷ᠎ᠠ ᠪᠠᠨ ᠰᠢᠯᠢᠳᠡᠭ ᠪᠠᠭᠰᠢ ᠶᠢ ᠤᠷᠢᠨ  ᠂ ᠳᠠᠭᠠᠭᠤᠯᠤᠭᠴᠢ ᠪᠠᠭᠰᠢ ᠶᠢᠨ ᠡᠩᠨᠡᠭᠡ ᠶᠢ  ᠪᠠᠶᠢᠭᠤᠯᠵᠦ᠂ ᠳᠠᠭᠠᠭᠤᠯᠤᠭᠴᠢ ᠪᠠᠭᠰᠢ ᠪᠤᠯᠭᠠᠨ ᠬᠡᠳᠤᠨ ᠨᠡᠷ᠎ᠡ ᠵᠠᠯᠠᠭᠤ ᠪᠠᠭᠰᠢ ᠳᠠᠭᠠᠭᠤᠯᠵᠦ᠂ ᠪᠠᠭᠰᠢ ᠶᠢᠨ ᠬᠦᠭᠵᠢᠯᠲᠠ ᠶᠢᠨ ᠪᠦᠯᠬᠦᠮ ᠢ  ᠪᠦᠷᠢᠯᠳᠤᠭᠦᠯᠪᠠ᠃ ᠰᠠᠷ᠎ᠠ ᠪᠤᠯᠭᠠᠨ ᠨᠢᠭᠡ ᠤᠳᠠᠭᠠᠨ ᠤ ᠬᠦᠳᠡᠯᠭᠡᠭᠡᠨ ᠦᠷᠨᠢᠬᠦᠯᠵᠦ᠂ ᠨᠢᠭᠡ ᠬᠢᠴᠢᠶᠡᠯ ᠰᠤᠨᠤᠰᠬᠤ ᠶᠢᠨ ᠬᠠᠮᠳᠤ ᠬᠤᠯᠪᠤᠭᠳᠠᠯ ᠪᠦᠬᠦᠢ ᠲᠤᠰᠬᠠᠢ ᠰᠡᠳᠤᠪ ᠢ ᠬᠦᠡᠵᠡᠬᠡᠢ ᠰᠤᠳᠤᠯᠤᠨ ᠶᠠᠷᠢᠯᠴᠠᠵᠦ᠂ᠳᠠᠭᠠᠭᠤᠯᠤᠭᠴᠢ ᠪᠠᠭᠰᠢ ᠶᠢᠨ ᠲᠤᠰᠢᠶᠠᠭᠰᠠᠨ ᠡᠭᠦᠷᠭᠡ ᠶᠢ  ᠨᠠᠷᠢᠨ ᠬᠢᠨᠠᠮᠠᠭᠠᠢ ᠡᠯ᠎ᠡ ᠵᠦᠢᠯ ᠤᠨ ᠵᠢᠭᠠᠨ ᠰᠤᠷᠭᠠᠯᠲᠠ ᠶᠢᠨ ᠬᠦᠳᠡᠯᠭᠡᠭᠡᠨ ᠦᠷᠨᠢᠬᠦᠯᠬᠦ︔ ᠭᠠᠳᠠᠭᠰᠢ ᠲᠤᠮᠢᠯᠠᠨ ᠰᠤᠷᠤᠯᠴᠠᠭᠤᠯᠬᠤ ᠵᠡᠷᠭᠡ ᠠᠷᠭ᠎ᠠ ᠠᠪᠴᠢᠯ ᠢ ᠠᠪᠴᠤ ᠪᠠᠭᠰᠢ ᠶᠢᠨ ᠬᠦᠭᠵᠢᠯᠲᠠ ᠳᠤ ᠰᠢᠨ᠎ᠡ ᠲᠠᠪᠴᠠᠩ ᠬᠠᠨᠭ᠍ᠭᠠᠵᠠᠢ᠃《 ᠡᠷᠳᠡᠮᠳᠡᠨ ᠪᠠᠭᠰᠢ ᠨᠠᠷ ᠢ ᠵᠠᠯᠠᠵᠦ ᠠᠪᠴᠢᠷᠠᠬᠤ》ᠪᠠ《 ᠦᠪᠡᠷ ᠤᠨ ᠪᠠᠭᠰᠢ ᠭᠠᠷᠴᠤ ᠶᠠᠪᠤᠬᠤ》 ᠤᠶᠠᠯᠳᠤᠭᠰᠠᠨ ᠪᠤᠯᠪᠠᠰᠤᠷᠠᠯ ᠢ ᠡᠷᠬᠢᠯᠡᠵᠦ᠂ ᠭᠠᠳᠠᠭᠰᠢ ᠰᠤᠷᠤᠯᠴᠠᠭᠰᠠᠨ ᠤᠶᠢᠯᠠᠭᠠᠯᠲᠠ  ᠪᠢᠴᠢᠬᠦ᠂  ᠭᠠᠳᠠᠭᠰᠢ ᠰᠤᠷᠤᠯᠴᠠᠭᠰᠠᠨ ᠲᠤᠰᠬᠠᠢ ᠮᠡᠳᠡᠭᠦᠯᠦᠯᠲᠠ  ᠬᠢᠬᠦ  ᠂ ᠬᠠᠷᠢᠭᠤ ᠮᠡᠳᠡᠭᠦᠯᠦᠯᠲᠠ ᠶᠢᠨ ᠬᠢᠴᠢᠶᠡᠯ ᠤᠷᠤᠬᠤ ᠶᠢ  ᠪᠡᠶᠡᠯᠡᠭᠦᠯᠳᠡᠭ᠃         ︽ᠮᠣᠩᠭᠤᠯ ᠬᠦᠮᠦᠨ ᠮᠣᠩᠭᠤᠯ ᠮᠣᠷᠢ︾ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠪᠠᠷ ᠭᠤᠤᠯ ᠠᠭᠤᠯᠭ᠎ᠠ ᠪᠤᠯᠭᠠᠭᠰᠠᠨ ︽ᠮᠤᠷᠢᠲᠠᠨ ᠤ ᠬᠡᠶᠢᠮᠦᠷᠢ︾ ᠰᠣᠷᠭᠠᠭᠤᠯᠢ ᠶᠢᠨ ᠰᠣᠶᠣᠯ ᠤᠨ ᠪᠠᠶᠢᠭᠤᠯᠤᠯᠲᠠ ᠪᠣᠯ ᠣᠣᠯ ᠤᠨ ᠰᠣᠷᠠᠭᠠᠭᠤᠯᠢ ᠡᠷᠬᠢᠯᠡᠬᠦ ᠦᠵᠡᠯ ᠰᠠᠨᠠᠭᠠᠨ ᠤ ᠰᠠᠭᠤᠷᠢᠨ ᠳᠡᠭᠡᠷ᠎ᠡ ᠬᠤᠷᠢᠶᠠᠩᠭᠤᠶᠢᠯᠠᠵᠦ ᠪᠣᠯᠪᠠᠰᠤᠷᠠᠭᠤᠯᠤᠨ ᠭᠠᠷᠭᠠᠭᠰᠠᠨ ᠭᠦᠨᠵᠡᠭᠡᠶᠢᠷᠡᠯ ᠪᠠ ᠳᠡᠭᠡᠭᠰᠢᠯᠡᠯᠲᠡ ᠪᠣᠯᠬᠤ ᠶᠤᠮ᠃ ᠳᠡᠭᠦᠨ ᠤ ᠭᠤᠤᠯᠯᠠᠭᠴᠢ ᠥᠷᠲᠡᠭ ᠨᠢ ᠰᠤᠷᠭᠠᠭᠤᠯᠢ ᠶᠢᠨ ᠬᠦᠮᠦᠨ ᠢ ᠬᠦᠮᠦᠵᠢᠭᠦᠯᠬᠦ ᠪᠠᠷ ᠦᠨᠲᠦᠰᠦ ᠪᠣᠯᠭᠠᠨ᠂ ᠬᠡᠤᠬᠡᠳ ᠤᠨ ᠦᠰᠦᠨ ᠪᠣᠶᠢᠵᠢᠯᠲᠠ ᠶᠢ ᠬᠦᠨᠳᠦᠳᠭᠡᠨ᠂ ᠦᠨᠲᠦᠰᠦ ᠳᠡᠦᠬᠡ ᠪᠠᠨ ᠮᠡᠳᠡᠳᠡᠭ ᠦᠪ ᠰᠤᠶᠣᠯ ᠢᠶᠠᠨ ᠵᠠᠯᠭᠠᠮᠵᠢᠯᠠᠵᠦ ᠴᠢᠳᠠᠳᠠᠭ ᠬᠦᠮᠦᠨ ᠢ ᠬᠦᠮᠦᠵᠢᠭᠦᠯᠬᠦ ᠵᠤᠷᠢᠭ ᠰᠠᠨᠠᠭᠠᠨ ᠤ ᠳᠠᠯᠠᠰᠲᠦ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号