2016 ᠤᠨ ᠤ ᠪᠦᠬᠦ ᠤᠷᠤᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠯᠭ᠎ᠠ ᠳᠡᠳᠬᠦᠬᠦ ᠵᠢᠭᠡᠯᠡᠯᠭᠡ  ᠵᠢᠴᠢ ᠰᠤᠷᠤᠭᠴᠢ ᠶᠢ ᠳᠡᠳᠬᠦᠬᠦ ᠠᠵᠢᠯ ᠤᠨ ᠶᠠᠷᠢᠯᠴᠠᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/7/6
   6 ᠳ᠋ᠤᠭᠠᠷ ᠰᠠᠷ ᠎ᠠ ᠶᠢᠨ 26 ᠤ ᠡᠳᠦᠷ᠂ 2016 ᠤᠨ ᠤ ᠪᠦᠬᠦ  ᠤᠷᠤᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠯᠭ᠎ᠠ ᠳᠡᠳᠬᠦᠬᠦ ᠵᠢᠭᠡᠯᠡᠯᠭᠡ ᠵᠢᠴᠢ ᠰᠤᠷᠤᠭᠴᠢ ᠶᠢ ᠳᠡᠳᠬᠦᠬᠦ  ᠠᠵᠢᠯ ᠤᠨ ᠶᠠᠷᠢᠯᠴᠠᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃        ᠬᠤᠷᠠᠯ ᠠᠴᠠ 2015 ᠤᠨ ᠵᠢᠴᠢ ︽ᠠᠷᠪᠠᠨ ᠬᠤᠶᠠᠳᠤᠭᠠᠷ ᠲᠠᠪᠤᠨ ᠵᠢᠯ ︾ ᠤᠨ ᠬᠤᠭᠤᠴᠠᠭᠠᠨ ᠳᠠᠬᠢ ᠦᠪᠦᠷ  ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠶᠢ ᠳᠡᠳᠬᠦᠬᠦ  ᠠᠵᠢᠯ ᠤᠨ ᠤᠯᠤᠭᠰᠠᠨ ᠦᠷ ᠎ᠠ ᠪᠦᠲᠦᠮᠵᠢ ᠪᠤᠯᠤᠨ ᠠᠰᠠᠭᠤᠳᠠᠯ ᠢ ᠳ᠋ᠦᠡᠭᠨᠡᠨ ᠵᠠᠳᠠᠯᠵᠠᠢ᠃ 2016 ᠤᠨ ᠵᠢᠴᠢ ︽ ᠠᠷᠪᠠᠨ ᠭᠤᠷᠪᠠᠳᠤᠭᠠᠷ ᠲᠠᠪᠤᠨ ᠵᠢᠯ ︾ ᠤᠨ ᠬᠤᠭᠤᠴᠠᠭᠠᠨ ᠳᠠᠬᠢ ᠪᠦᠬᠦ ᠤᠷᠤᠨ ᠤ ᠳᠡᠭᠡᠳᠦ ᠰᠤᠷᠭᠠᠭᠤᠯᠢ ᠶᠢᠨ  ᠰᠤᠷᠤᠭᠴᠢ ᠶᠢ ᠳᠡᠳᠬᠦᠬᠦ ᠠᠵᠢᠯ ᠢ ᠪᠠᠶᠢᠷᠢᠯᠠᠭᠤᠯᠪᠠ᠃        ᠬᠤᠷᠠᠯ ᠠᠴᠠ ᠵᠢᠭᠠᠬᠤ ᠳᠠᠭᠠᠨ᠂ ᠤᠨᠢᠨ ᠳᠡᠭᠡᠷ᠎ᠠ ᠨᠢ ᠲᠡᠳᠭᠦᠭᠦ ᠠᠵᠢᠯ ᠤᠨ ᠲᠤᠭᠳᠠᠴᠠ ᠶᠢ ᠪᠠᠶᠢᠭᠤᠯᠵᠤ᠂  ᠰᠤᠷᠭᠠᠨ ᠬᠦ᠋ᠮᠦᠵᠢᠯ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠠᠬᠢᠭᠤᠯᠵᠤ᠂ ᠭᠡᠷ ᠤᠨ ᠠᠮᠢᠳᠤᠷᠠᠯ ᠨᠢ  ᠬᠦᠴᠢᠷᠳᠡᠯᠲᠠᠢ ᠰᠢᠨ᠎ᠠ ᠰᠤᠷᠤᠭᠴᠢ ᠶᠢᠨ ᠰᠤᠷᠭᠠᠭᠤᠯᠢ ᠳᠤ ᠤᠷᠤᠬᠤ ᠵᠠᠮ ᠢ ᠰᠢᠯᠤᠭᠤᠳᠬᠠᠵᠦ᠂ ᠠᠮᠢᠳᠦᠷᠠᠯ ᠨᠢ  ᠭᠦᠴᠢᠷᠳᠡᠯᠳᠠᠢ ᠰᠤᠷᠤᠭᠴᠢ ᠪᠤᠯᠭᠠᠨ ᠢ ᠰᠤᠷᠭᠠᠭᠤᠯᠢ ᠳᠤ ᠤᠷᠤᠭᠤᠯᠬᠤ ᠶᠢ ᠪᠠᠲᠤᠯᠠᠬᠤ ᠭᠡᠷᠡᠭᠳᠠᠢ᠃ ᠰᠤᠷᠤᠭᠴᠢ ᠶᠢᠨ  ᠢᠳᠡᠭᠡᠯ ᠨᠠᠶᠢᠳᠠᠪᠤᠷᠢ ᠲᠠᠢ᠂ ᠠᠴᠢ ᠳᠤᠰᠠ ᠶᠢ ᠮᠠᠷᠳᠠᠬᠤ ᠦᠭᠡᠢ ᠪᠠᠶᠢᠬᠤ ᠤᠬᠠᠮᠰᠠᠷ ᠢ ᠬᠦᠮᠦᠵᠢᠭᠦᠯᠵᠦ᠂  ᠵᠢᠭᠡᠯᠡᠯᠭᠡ ᠶᠢᠨ ᠳᠠᠷᠠᠭᠠᠬᠢ ᠬᠠᠮᠢᠶᠠᠷᠤᠯᠲᠠ ᠶᠢ ᠪᠦᠷᠢᠨᠰᠢᠭᠦᠯᠵᠦ᠂ ᠪᠦᠬᠦ ᠤᠷᠤᠨ ᠤ ᠰᠤᠷᠤᠯᠭ᠎ᠠ ᠳᠡᠳᠬᠦᠬᠦ  ᠵᠢᠭᠡᠯᠡᠯᠭᠡ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠭᠡᠷᠡᠭᠳᠠᠢ ᠭᠡᠪᠡ᠃        ᠤᠢᠢᠯᠠᠭᠠᠭᠰᠠᠨ ᠢᠶᠠᠷ᠂ ︽ᠠᠷᠪᠠᠨ ᠬᠤᠶᠠᠳᠤᠭᠠᠷ ᠲᠠᠪᠤᠨ ᠵᠢᠯ ︾ ᠤᠨ ᠬᠤᠭᠤᠴᠠᠭᠠᠨ ᠳᠤ ᠪᠦᠬᠦ ᠤᠷᠤᠨ ᠤ ᠶᠡᠭᠡ  ᠳᠡᠭᠡᠳᠦ ᠰᠤᠷᠭᠠᠭᠤᠯᠢ ᠶᠢᠨ ᠰᠤᠷᠤᠭᠴᠢ ᠶᠢᠨ ᠳᠡᠳᠬᠦᠮᠵᠢ ᠶᠢᠨ ᠲᠦᠷᠦ ᠶᠢᠨ ᠪᠤᠳᠤᠯᠭ᠎ᠠ ᠪᠦᠬᠦ ᠲᠠᠯ ᠎ᠠ ᠪᠠᠷ  ᠨᠠᠶᠢᠳᠠᠪᠤᠷᠢᠵᠢᠬᠳᠠᠵᠥ᠂ ︽ᠱᠠᠩᠨᠠᠬᠤ᠂ ᠳᠡᠳᠬᠦᠬᠦ᠂ ᠵᠢᠭᠡᠯᠡᠯᠭᠡ ᠤᠯᠭᠤᠬᠤ᠂ ᠨᠦᠬᠦᠪᠦᠷᠢ ᠦᠭᠬᠦ᠂ ᠬᠠᠰᠤᠵᠦ  ᠭᠡᠯᠳᠦᠷᠢᠭᠦᠯᠬᠦ ᠂ ᠬᠦᠳᠡᠯᠮᠤᠷᠢ ᠳᠤ ᠤᠯᠭᠤᠮᠵᠢ ᠬᠦᠷᠳᠡᠭᠡᠬᠦ᠂ ᠰᠠᠭᠠᠳ ᠦᠭᠡᠢ ᠵᠠᠮ ᠨᠡᠭᠡᠭᠡᠬᠦ︾ ᠵᠡᠷᠭᠡ  ᠳᠡᠳᠬᠦᠮᠵᠢ ᠶᠢᠨ ᠲᠦᠷᠦ ᠶᠢᠨ ᠪᠤᠳᠤᠯᠭ᠎ᠠ ᠶᠢᠨ ᠳᠤᠭᠳᠠᠯᠴᠠᠭ᠎ᠠ ᠶᠢ ᠪᠠᠶᠢᠭᠤᠯᠵᠠᠢ᠃ ᠡᠩ ᠤᠨ ᠳᠡᠭᠡᠳᠦ ᠰᠤᠷᠭᠠᠭᠤᠯᠢ  ᠡᠯ ᠎ᠠ ᠲᠦᠷᠦᠯ ᠤᠨ ᠳᠡᠳᠬᠦᠮᠵᠢ ᠶᠢᠨ ᠪᠡᠯᠡ ᠮᠦᠡᠭᠬᠦ ᠶᠢ 72.21 ᠳ᠋ᠦ᠋ᠩᠰᠢᠭᠤᠷ ᠲᠦᠭᠦᠷᠢᠭ ᠨᠠᠶᠢᠳᠠᠪᠤᠷᠢᠵᠢᠭᠤᠯᠵᠦ᠂  ᠳᠡᠳᠬᠦᠭᠰᠡᠨ ᠰᠤᠷᠤᠭᠴᠢ 206.28 ᠲᠦᠮᠡᠨ ᠬᠦᠮᠦᠨ ᠤᠳᠠᠭ᠎ᠠ ᠳᠤ ᠬᠦᠷᠴᠠᠢ᠃        ᠤᠳᠤᠬᠠᠨ ᠳᠤ ᠪᠦᠬᠦ ᠤᠷᠤᠨ ᠤ ᠳᠡᠭᠡᠳᠦ ᠰᠤᠷᠭᠠᠭᠤᠯᠢ ᠨᠢᠭᠡᠨᠳᠡ ᠲᠤᠰᠬᠠᠢ ᠮᠡᠷᠭᠡᠵᠢᠯ ᠤᠨ ᠠᠩᠬᠢ ᠦᠨᠳᠦᠰᠦᠨ  ᠠᠩᠬᠢ ᠶᠢᠨ ᠱᠠᠩᠨᠠᠯ ᠳᠡᠳᠬᠦᠮᠵᠢ ᠶᠢᠨ ᠮᠦᠡᠭᠭᠦ᠂ ᠠᠰᠫᠢᠷᠠᠨᠲ ᠤᠨ ᠱᠠᠩᠨᠠᠯ ᠳᠡᠳᠬᠦᠮᠵᠢ‌‍ᠶᠢᠨ ᠮᠦᠡᠭᠭᠦ᠂ ᠤᠯᠤᠰ ᠤᠨ  ᠳᠡᠳᠬᠦᠮᠵᠢ ᠶᠢᠨ ᠮᠦᠡᠭᠭᠦ᠂ ᠨᠠᠭᠠᠳᠦ ᠵᠠᠬ᠎ᠠ ᠶᠢᠨ ᠪᠠᠲᠤᠯᠠᠭᠠᠲᠤ ᠭᠡᠷ ᠪᠦᠯᠢ ᠶᠢᠨ ᠰᠤᠷᠤᠬᠴᠢ ᠶᠢᠨ ᠰᠤᠷᠤᠯᠭ᠎ᠠ ᠶᠢᠨ  ᠰᠦᠢᠳᠭᠡᠯ ᠢ ᠨᠦᠬᠦᠪᠦᠷᠢᠯᠡᠬᠦ᠂ ᠵᠢᠭᠡᠯᠡᠯᠭᠡ ᠤᠯᠭᠤᠬᠤ ᠵᠡᠷᠭᠡ ᠤᠯᠠᠨ ᠬᠡᠯᠪᠡᠷᠢ ᠶᠢ ᠤᠶᠠᠯᠳᠤᠭᠤᠯᠤᠬᠰᠠᠨ  ᠳᠡᠳᠬᠦᠮᠵᠢ ᠶᠢᠨ ᠲᠦᠷᠦ ᠶᠢᠨ ᠪᠤᠳᠤᠯᠭ᠎ᠠ ᠶᠢᠨ ᠳᠤᠭᠳᠠᠯᠴᠠᠭ᠎ᠠ ᠶᠢ ᠪᠠᠶᠢᠭᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号