ᠮᠠᠨ ᠤ ᠤᠯᠤᠰ ᠤᠨ ︽ᠨᠤᠲᠤᠭ ᠪᠡᠯᠴᠢᠭᠡᠷ ᠤᠨ ᠬᠠᠤᠯᠢ︾ ᠶᠢᠨ 39 ᠳ᠋ᠤᠭᠡᠷ ᠵᠦᠢᠯ ᠤᠨ ᠲᠤᠭᠲᠠᠭᠠᠯ ᠢ | ᠦᠨᠳᠦᠰᠦᠯᠡᠪᠡᠯ᠂ ᠪᠦᠲᠦᠭᠡᠨ ᠪᠠᠶᠢᠭᠤᠯᠤᠯᠲᠠ ᠠᠴᠠ ᠪᠤᠯᠵᠤ ᠬᠠᠮᠲᠤ ᠶᠢᠨ ᠦᠮᠴᠢᠯᠡᠯᠲᠤ ᠨᠤᠲᠤᠭ ᠪᠡᠯᠴᠢᠭᠡᠷ ᠢ ᠲᠠᠲᠠᠪᠤᠷᠢᠯᠠᠬᠤ | ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠳᠤ᠂ ᠮᠠᠨ ᠤ ᠤᠯᠤᠰ ᠤᠨ ︽ᠭᠠᠵᠠᠷ ᠰᠢᠷᠦᠢ ᠶᠢᠨ ᠬᠠᠮᠠᠭᠠᠯᠠᠯᠲᠠ ᠶᠢᠨ ᠬᠠᠤᠯᠢ︾ | ᠶᠢᠨ ᠲᠤᠭᠲᠠᠭᠠᠯ ᠶᠤᠰᠤᠭᠠᠷ ᠨᠦᠬᠦᠪᠦᠷᠢ ᠦᠭᠬᠦ ᠬᠡᠷᠡᠭᠲᠠᠢ︔ ᠪᠦᠲᠦᠭᠡᠨ ᠪᠠᠶᠢᠭᠤᠯᠤᠯᠲᠠ ᠠᠴᠠ ᠪᠤᠯᠵᠤ ᠤᠯᠤᠰ ᠤᠨ | ᠦᠮᠴᠢᠯᠡᠯᠲᠤ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠳᠤ᠂ ᠲᠦᠷᠦ ᠶᠢᠨ | ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠲᠤᠭᠲᠠᠭᠠᠯ ᠶᠤᠰᠤᠭᠠᠷ ᠨᠤᠲᠤᠭ ᠪᠡᠯᠴᠢᠭᠡᠷ ᠲᠠᠭᠠᠭᠠᠴᠢᠯᠠᠨ ᠡᠵᠡᠩᠨᠡᠭᠴᠢ ᠳᠤ | ᠨᠦᠬᠦᠪᠦᠷᠢ ᠦᠭᠬᠦ ᠬᠡᠷᠡᠭᠲᠠᠢ᠃ | ᠪᠦᠲᠦᠭᠡᠨ ᠪᠠᠶᠢᠭᠤᠯᠤᠯᠲᠠ ᠠᠴᠠ ᠪᠤᠯᠵᠤ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ | ᠬᠡᠷᠡᠭᠯᠡᠬᠦ ᠳᠤ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠪᠴᠢ ᠶᠢ ᠰᠡᠷᠬᠦᠬᠡᠬᠦ ᠰᠦᠢᠳᠭᠡᠯ ᠲᠤᠰᠢᠶᠠᠬᠤ ᠬᠡᠷᠡᠭᠲᠠᠢ᠃ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠲᠠᠭᠠᠯ ᠶᠤᠰᠤᠭᠠᠷ | ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠪᠴᠢ ᠶᠢ ᠰᠡᠷᠬᠦᠭᠡᠬᠦ ᠳᠤ ᠬᠡᠷᠡᠭᠯᠡᠵᠤ᠂ ᠶᠠᠮᠠᠷᠪᠠ ᠨᠢᠭᠡᠴᠢ ᠪᠠ ᠬᠤᠪᠢ ᠬᠦᠮᠦᠨ | ᠦᠯᠡᠳᠡᠭᠡᠬᠦ ᠪᠠ ᠰᠢᠯᠵᠢᠭᠦᠯᠦᠨ ᠬᠡᠷᠡᠭᠯᠡᠵᠤ ᠪᠤᠯᠬᠤ ᠦᠭᠡᠢ᠃ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠪᠴᠢ ᠶᠢ | ᠰᠡᠷᠭᠦᠭᠡᠬᠦ ᠰᠦᠢᠳᠭᠡᠯ ᠢ ᠲᠠᠲᠠᠪᠤᠷᠢᠯᠠᠨ ᠬᠤᠷᠢᠶᠠᠬᠤ᠂ ᠬᠡᠷᠡᠭᠯᠡᠬᠦ ᠪᠠ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ | ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢ ᠰᠡᠷᠭᠦᠭᠡᠬᠦ ᠰᠦᠢᠳᠭᠡᠯ ᠢ ᠲᠠᠲᠠᠪᠤᠷᠢᠯᠠᠨ ᠬᠤᠷᠢᠶᠠᠬᠤ᠂ ᠬᠡᠷᠡᠭᠯᠡᠬᠦ ᠪᠠ | ᠬᠠᠮᠢᠶᠠᠷᠦᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢ ᠭᠤᠤᠯᠯᠠᠨ ᠬᠠᠮᠢᠶᠠᠷᠤᠯᠲᠠ ᠶᠢᠨ | ᠰᠠᠯᠠᠭ᠎ᠠ ᠮᠦᠴᠢᠷ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠦᠷᠦ ᠶᠢᠨ | ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ | ᠬᠠᠮᠲᠤᠷᠠᠨ ᠲᠤᠭᠲᠠᠭᠠᠨ᠎ᠠ᠃ |