︽ᠰᠢᠨ᠎ᠡ ᠡᠭᠡᠯᠵᠢ ᠶᠢᠨ ᠨᠤᠲᠤᠭ ᠪᠡᠯᠴᠢᠭᠡᠷ ᠤᠨ ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠨᠦᠬᠦᠪᠦᠷᠢ  ᠤᠷᠮᠠᠰᠢᠭᠤᠯᠤᠯ ᠤᠯᠭᠤᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠶᠢ ᠵᠢᠯᠤᠭᠤᠳᠬᠤ ᠰᠠᠨᠠᠯ ︵2 0 1  6 – 2 0 2 0 ᠤᠨ︶︾ ᠢ ᠬᠡᠪᠯᠡᠨ ᠲᠡᠷᠬᠠᠭᠠᠬᠤ ᠮᠡᠳᠡᠭᠳᠡᠯ
ᠨᠡᠶᠢᠲᠡᠯᠡᠭᠰᠡᠨ ᠴᠠᠭ᠄
2016/8/22
    ᠬᠦᠳᠡᠭᠡ ᠠᠵᠦ ᠠᠬᠤᠢ ᠶᠢᠨ ᠶᠠᠮᠤᠨ ᠤ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠠᠴᠠ ︽ᠰᠢᠨ᠎ᠡ ᠡᠭᠡᠯᠵᠢ ᠶᠢᠨ ᠨᠤᠲᠤᠭ ᠪᠡᠯᠴᠢᠭᠡᠷ ᠤᠨ ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠨᠦᠬᠦᠪᠦᠷᠢ ᠤᠷᠮᠠᠰᠢᠭᠤᠯᠤᠯ ᠤᠯᠭᠤᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠶᠢ ᠵᠢᠯᠤᠭᠤᠳᠬᠤ ᠰᠠᠨᠠᠯ ︵2 0 1 6 – 2 0 2 0 ᠤᠨ︶︾ ᠢ ᠬᠡᠪᠯᠡᠨ ᠲᠡᠷᠬᠠᠭᠠᠬᠤ ᠮᠡᠳᠡᠭᠳᠡᠯ       ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ᠂ ᠬᠦᠳᠡᠭᠡ ᠠᠵᠦ ᠠᠬᠤᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠬᠠᠮᠲᠤᠷᠠᠨ ︽ᠰᠢᠨ᠎ᠡ ᠡᠭᠡᠯᠵᠢ ᠶᠢᠨ ᠨᠤᠲᠤᠭ ᠪᠡᠯᠴᠢᠭᠡᠷ ᠤᠨ ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠨᠦᠬᠦᠪᠦᠷᠢ ᠤᠷᠮᠠᠰᠢᠭᠤᠯᠤᠯ ᠤᠯᠭᠤᠬᠤ ᠲᠦᠷᠦ ᠶᠢᠨ ᠪᠤᠳᠤᠯᠭ᠎ᠠ ᠬᠡᠷᠡᠭᠵᠢᠬᠦᠯᠬᠦ ᠶᠢ ᠵᠢᠯᠤᠭᠤᠳᠬᠤ ᠰᠠᠨᠠᠯ ︵2016-2020 ᠤᠨ︶︾ ᠢ ᠲᠤᠭᠲᠠᠭᠠᠭᠰᠠᠨ ᠪᠠᠶᠢᠨ᠎ᠠ᠃ ᠲᠠᠨᠠᠷ ᠲᠤ ᠬᠡᠪᠯᠡᠨ ᠲᠠᠷᠬᠠᠭᠠᠪᠠ᠂ ᠱᠠᠭᠠᠷᠳᠠᠯᠭ᠎ᠠ ᠶᠤᠰᠤᠭᠠᠷ ᠬᠦᠶᠢᠴᠡᠳᠭᠡᠬᠦ ᠪᠤᠯᠪᠠᠤ᠃       ᠨᠢᠭᠡ᠂ ᠴᠢᠬᠤᠯᠠ ᠤᠳᠬ᠎ᠠ ᠤᠴᠢᠷ       ᠨᠤᠲᠤᠭ ᠪᠡᠯᠴᠢᠭᠡᠷ ᠨᠢ ᠳᠤᠮᠳᠠᠳᠤ ᠤᠯᠤᠰ ᠤᠨ ᠪᠠᠶᠢᠭᠠᠯᠢ ᠤᠷᠴᠢᠨ ᠤ ᠪᠤᠯᠪᠠᠰᠤᠨ ᠤ ᠪᠠᠶᠢᠭᠤᠯᠤᠯᠲᠠ ᠪᠤᠯᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠶᠡᠭᠡ ᠤᠷᠢᠳᠠᠯ ᠳᠤ ᠪᠠᠶᠢᠯᠳᠤᠬᠤ ᠪᠤᠳᠤᠯᠭ᠎ᠠ ᠶᠢᠨ ᠴᠢᠬᠤᠯᠠ ᠪᠠᠶᠢᠷᠢ ᠰᠠᠭᠤᠷᠢ ᠲᠠᠢ᠃ ︽12•5︾ ᠤᠨ ᠬᠦᠭᠵᠢᠯᠲᠡ ᠶᠢᠨ ᠲᠦᠰᠦᠯ ᠤᠨ ᠬᠤᠭᠤᠴᠠᠭᠠᠨ ᠳᠤ ᠨᠤᠲᠤᠭ ᠪᠡᠯᠴᠢᠭᠡᠷ ᠤᠨ ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠨᠦᠬᠦᠪᠦᠷᠢ ᠤᠷᠮᠠᠰᠢᠭᠤᠯᠤᠯ ᠤᠯᠭᠤᠬᠤ ᠲᠦᠷᠦ ᠶᠢᠨ ᠪᠤᠳᠤᠯᠭ᠎ᠠ ᠶᠢ ᠡᠬᠢᠯᠡᠨ ᠬᠡᠷᠡᠭᠵᠢᠬᠦᠯᠦᠭᠡᠳ ᠲᠤᠪᠤᠶᠢᠮ᠎ᠠ ᠠᠮᠵᠢᠯᠲᠠ ᠳᠤ ᠬᠦᠷᠴᠦ᠂ ᠮᠠᠯᠵᠢᠬᠤ ᠤᠷᠤᠨ ᠤ ᠨᠤᠲᠤᠭ ᠪᠡᠯᠴᠢᠭᠡᠷ ᠤᠨ ᠠᠮᠢ ᠠᠬᠤᠢ ᠪᠤᠯᠤᠨ ᠮᠠᠯᠵᠢᠬᠤ ᠦᠢᠯᠡᠳᠪᠦᠷᠢᠯᠡᠯ᠂ ᠮᠠᠯᠴᠢᠳ ᠤᠨ ᠠᠮᠢᠳᠤᠷᠠᠯ ᠤᠨ ᠳᠡᠭᠡᠭᠰᠢᠯᠡᠯᠲᠡ ᠶᠢ ᠠᠬᠢᠭᠤᠯᠤᠭᠰᠠᠨ ᠪᠠᠶᠢᠨ᠎ᠠ᠃ ︽13•5︾ ᠤᠨ ᠬᠦᠭᠵᠢᠯᠲᠡ ᠶᠢᠨ ᠲᠦᠰᠦᠯ ᠤᠨ ᠬᠤᠭᠤᠴᠠᠭᠠᠨ ᠳᠤ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠨᠦᠬᠦᠪᠦᠷᠢ ᠤᠷᠮᠠᠰᠢᠭᠤᠯᠤᠯ ᠤᠨ ᠲᠦᠷᠦ ᠶᠢᠨ ᠪᠤᠳᠤᠯᠭ᠎ᠠ ᠶᠢ ᠡᠬᠢᠯᠡᠵᠦ ᠬᠡᠷᠡᠭᠵᠢᠬᠦᠯᠬᠦ ᠨᠢ ᠨᠠᠮ ᠤᠨ ᠲᠦᠪ ᠬᠤᠷᠢᠶᠠᠨ ᠠᠴᠠ ᠤᠯᠤᠰ ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠲᠠᠯ᠎ᠠ ᠶᠢ ᠬᠠᠷᠠᠭᠠᠯᠵᠠᠵᠦ᠂ ᠲᠤᠭᠲᠠᠭᠠᠭᠰᠠᠨ ᠬᠦᠨᠳᠦ ᠴᠢᠬᠤᠯᠠ ᠰᠢᠢᠳᠪᠦᠷᠢ ᠪᠤᠯᠤᠨ᠎ᠠ᠃ ︽ᠰᠢᠨ᠎ᠡ ᠶᠢ ᠡᠭᠦᠳᠬᠦ᠂ ᠵᠤᠬᠢᠴᠠᠩᠭᠤᠢ᠂ ᠪᠠᠶᠢᠭᠠᠯᠢᠯᠢᠬ᠂ ᠨᠡᠭᠡᠭᠡᠯᠲᠡᠲᠠᠢ᠂ ᠬᠠᠮᠲᠤᠪᠡᠷ ᠬᠤᠪᠢᠶᠠᠯᠴᠠᠬᠤ︾ ᠤᠶᠢᠯᠠᠭᠠᠭᠳᠠᠬᠤᠨ ᠢ ᠭᠦᠨᠵᠡᠭᠡᠢ ᠰᠤᠷᠲᠡᠯᠴᠢᠯᠡᠵᠦ᠂ ᠬᠤᠲᠠ ᠪᠠᠯᠭᠠᠰᠤᠨ ᠤ ᠵᠤᠬᠢᠴᠠᠩᠭᠤᠢ ᠬᠦᠭᠵᠢᠯᠲᠡ ᠶᠢ ᠠᠬᠢᠭᠤᠯᠬᠤ ᠪᠤᠳᠠᠲᠠᠢ ᠢᠯᠡᠷᠡᠯ ᠪᠤᠯᠤᠨ᠎ᠠ᠂ ᠮᠦᠨ ᠴᠦ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠲᠦᠷᠭᠡᠳᠭᠡᠬᠦ ᠠᠮᠢ ᠠᠬᠤᠢ ᠶᠢᠨ ᠪᠠᠶᠢᠭᠤᠯᠤᠯᠲᠠ ᠶᠢᠨ ᠴᠢᠬᠤᠯᠠ ᠠᠷᠭ᠎ᠠ ᠠᠪᠴᠠᠯ ᠪᠤᠯᠤᠨ᠎ᠠ᠃       ᠬᠤᠶᠠᠷ᠂ ᠡᠭᠦᠷᠭᠡ ᠬᠠᠷᠠᠯᠲᠠ       ᠨᠤᠲᠤᠭ ᠪᠡᠯᠴᠢᠭᠡᠷ ᠤᠨ ᠨᠦᠬᠦᠪᠦᠷᠢ ᠤᠷᠮᠠᠰᠢᠭᠤᠯᠤᠯ ᠤᠯᠭᠤᠬᠤ ᠲᠦᠷᠦ ᠶᠢᠨ ᠪᠤᠳᠤᠯᠭ᠎ᠠ ᠪᠠᠷ ᠳᠠᠮᠵᠢᠭᠤᠯᠵᠦ᠂ ᠨᠤᠲᠤᠭ ᠪᠡᠯᠴᠢᠭᠡᠷ ᠤᠨ ᠮᠠᠯᠵᠢᠬᠤ ᠶᠢ ᠬᠤᠷᠢᠭᠯᠠᠵᠦ ᠪᠠᠯᠴᠢᠭᠡᠷ ᠰᠡᠷᠬᠦᠬᠡᠬᠦ ᠰᠡᠯᠭᠦᠨ ᠮᠠᠯᠵᠢᠬᠤ ᠪᠤᠯᠤᠨ ᠮᠠᠯ ᠪᠡᠯᠴᠢᠭᠡᠷ ᠤᠨ ᠲᠠᠩᠴᠡᠬᠦᠷᠢ ᠶᠢ ᠪᠠᠲᠤᠯᠠᠬᠤ ᠳᠦᠷᠢᠮ ᠢ ᠪᠦᠬᠦ ᠲᠠᠯ᠎ᠠ ᠪᠠᠷ ᠠᠬᠢᠭᠤᠯᠤᠨ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ ᠲᠤᠭᠲᠠᠭᠠᠵᠦ᠂ ᠨᠤᠲᠤᠭ ᠪᠠᠯᠴᠢᠭᠡᠷ ᠪᠠᠶᠢᠭᠠᠯᠢ ᠤᠷᠴᠢᠨ ᠢ ᠠᠯᠬᠤᠮ ᠠᠯᠬᠤᠮ ᠢᠶᠠᠷ ᠰᠡᠷᠭᠦᠬᠡᠨ᠂ ᠤᠨᠴᠠᠯᠢᠭᠲᠤ ᠮᠠᠯᠵᠢᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠲᠦᠪᠰᠢᠨ ᠢ ᠳᠡᠭᠡᠭᠰᠢᠯᠡᠬᠦᠯᠵᠦ᠂ ᠮᠠᠯᠵᠢᠬᠤ ᠤᠷᠤᠨ ᠤ ᠠᠵᠦ ᠠᠬᠤᠢ ᠶᠢᠨ ᠦᠷᠬᠦᠯᠵᠢᠯᠡᠬᠦ᠋ᠢᠴᠡ ᠬᠦᠭᠵᠢᠯᠲᠡ ᠶᠢ ᠠᠬᠢᠭᠤᠯᠵᠦ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠤᠨ ᠠᠷᠭ᠎ᠠ ᠵᠠᠮ ᠢ ᠦᠷᠭᠡᠳᠭᠡᠵᠦ᠂ ᠮᠠᠯᠴᠢᠳ ᠤᠨ ᠤᠷᠤᠯᠭ᠎ᠠ ᠶᠢᠨ ᠲᠦᠪᠰᠢᠨ ᠢ ᠯᠠᠪᠳᠠᠭᠤᠨ ᠳᠡᠭᠡᠭᠰᠢᠯᠡᠬᠦᠯᠤᠨ᠎ᠡ᠃       ᠭᠤᠷᠪᠠ᠂ ᠦᠨᠳᠦᠰᠦᠨ ᠵᠠᠷᠴᠢᠮ ︵ᠳᠦᠬᠦᠮᠴᠢᠯᠡᠪᠡ︶       ︵1︶ ᠪᠠᠶᠢᠭᠠᠯᠢ ᠤᠷᠴᠢᠨ ᠢ ᠬᠠᠮᠠᠭᠠᠯᠠᠵᠦ᠂ ᠪᠠᠶᠢᠭᠠᠯᠢᠯᠢᠬ ᠬᠦᠭᠵᠢᠯᠲᠡ ᠶᠢ ᠪᠤᠢ ᠪᠤᠯᠭᠠᠨ᠎ᠠ᠃       ︵2︶ ᠡᠷᠭᠡ ᠡᠬᠦᠷᠭᠡ ᠶᠢ ᠪᠠᠭᠤᠯᠭᠠᠵᠦ᠂ ᠳᠡᠰ ᠳᠠᠪᠬᠤᠷᠭ᠎ᠠ ᠪᠠᠷ ᠨᠠᠶᠢᠳᠠᠪᠦᠷᠢᠵᠢᠭᠤᠯᠤᠨ᠎ᠠ᠃       ︵3︶ ᠨᠡᠭᠡᠭᠡᠯᠲᠡᠲᠠᠢ ᠢᠯᠡ ᠲᠤᠳᠤᠷᠬᠠᠢ ᠪᠠᠷ ᠨᠦᠬᠦᠪᠦᠷᠢ ᠤᠷᠮᠠᠰᠢᠭᠤᠯᠤᠯ ᠢ ᠭᠠᠷᠳᠠᠭᠤᠯᠤᠨ᠎ᠠ᠃       ︵4︶ ᠲᠤᠬᠠᠢ ᠶᠢᠨ ᠭᠠᠵᠠᠷ ᠤᠨ ᠪᠠᠶᠢᠳᠠᠯ ᠲᠠᠢ ᠨᠢ ᠵᠤᠬᠢᠴᠠᠯᠳᠤᠭᠤᠯᠵᠦ᠂ ᠲᠤᠭᠲᠠᠭᠤᠨ ᠬᠡᠷᠡᠭᠵᠢᠬᠦᠯᠦᠨ᠎ᠠ᠃       ᠳᠦᠷᠪᠡ᠂ ᠲᠦᠷᠦ ᠶᠢᠨ ᠪᠤᠳᠤᠯᠭ᠎ᠠ ᠶᠢᠨ ᠠᠭᠤᠯᠭ᠎ᠠ       8 ᠮᠤᠵᠢ ᠤᠷᠤᠨ ᠢᠶᠠᠷ ᠮᠠᠯᠵᠢᠬᠤ ᠶᠢ ᠬᠤᠷᠢᠭᠯᠠᠬᠤ ᠨᠦᠬᠦᠪᠦᠷᠢ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠭᠰᠠᠨ ᠤᠷᠮᠠᠰᠢᠭᠤᠯᠤᠯ ᠪᠤᠯᠤᠨ ᠦᠷ᠎ᠡ ᠪᠦᠳᠦᠮᠵᠢ ᠶᠢ ᠬᠢᠨᠠᠨ ᠰᠢᠯᠭᠠᠬᠤ ᠤᠷᠮᠠᠰᠢᠭᠤᠯᠤᠯ ᠢ ᠬᠡᠷᠡᠭᠵᠢᠬᠦᠯᠦᠨ᠂ ᠲᠠᠪᠤᠨ ᠮᠤᠵᠢ ᠳᠤ ᠠᠳᠠᠯᠢᠬᠠᠨ ᠲᠦᠷᠦ ᠶᠢᠨ ᠪᠤᠳᠤᠯᠭ᠎ᠠ ᠪᠤᠯᠤᠨ ᠨᠦᠬᠦᠪᠦᠷᠢ ᠤᠷᠮᠠᠰᠢᠭᠤᠯᠤᠯ ᠤᠨ ᠪᠡᠯᠡ ᠮᠦᠩᠬᠦ ᠶᠢ ᠤᠯᠤᠰ ᠤᠨ ᠮᠠᠯᠵᠢᠬᠤ ᠤᠷᠤᠨ᠂ ᠬᠠᠭᠠᠰ ᠮᠠᠯᠵᠢᠬᠤ ᠤᠷᠤᠨ ᠤ ᠨᠤᠲᠤᠭ ᠪᠡᠯᠴᠢᠭᠡᠷ ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠪᠠᠶᠢᠭᠤᠯᠤᠯᠲᠠ ᠳᠤ ᠬᠡᠷᠡᠭᠯᠡᠵᠦ ᠪᠤᠯᠤᠨ᠎ᠠ᠃       ︵1︶ ᠬᠠᠰᠢᠶᠠᠯᠠᠵᠤ ᠮᠠᠯᠵᠢᠬᠤ ᠨᠦᠬᠦᠪᠦᠷᠢ᠃ ᠤᠷᠤᠰᠢᠨ ᠠᠮᠢᠳᠤᠷᠠᠬᠤ ᠤᠷᠴᠢᠨ ᠠᠬᠤᠢ ᠬᠠᠳᠠᠭᠤ ᠰᠢᠷᠦᠬᠦᠨ᠂ ᠴᠦᠯᠵᠢᠯᠳᠡ ᠬᠦᠨᠳᠦ ᠨᠤᠴᠢᠳᠠᠢ᠂ ᠮᠠᠯᠵᠢᠬᠤ ᠳᠤ ᠳᠤᠬᠢᠷᠠᠬᠤ ᠦᠬᠡᠢ ᠵᠢᠴᠢ ᠭᠤᠤᠯ ᠮᠦᠷᠡᠨ ᠤ ᠡᠬᠢ ᠠᠪᠤᠭᠰᠠᠨ ᠪᠦᠰᠡ ᠳᠤ ᠮᠠᠯᠵᠢᠬᠤ ᠶᠢ ᠬᠤᠷᠢᠭᠯᠠᠨ᠂ ᠳᠦᠪ ᠤᠨ ᠡᠳ᠋ ᠤᠨ ᠵᠠᠰᠠᠭ ᠠᠴᠠ ᠵᠢᠯ ᠳᠤ ᠮᠦ ᠪᠦᠷᠢ ᠳᠤ 7.5 ᠳᠦᠬᠦᠷᠢᠭ ᠤᠨ ᠪᠠᠷᠢᠮᠵᠢᠶ᠎ᠠ ᠪᠠᠷ ᠨᠦᠬᠦᠪᠦᠷᠢ ᠤᠯᠭᠤᠵᠤ ᠪᠤᠢ᠃ ᠳᠤᠰ ᠨᠦᠬᠦᠪᠦᠷᠢ ᠶᠢ ᠳᠠᠪᠤᠨ ᠵᠢᠯ ᠢᠶᠠᠷ ᠨᠢᠬᠡ ᠬᠤᠭᠤᠴᠠᠭ᠎ᠠ ᠪᠤᠯᠭᠠᠵᠤ᠂ ᠬᠠᠰᠢᠶᠠᠯᠠᠵᠤ ᠮᠠᠯᠵᠢᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠯ᠎ᠠ ᠨᠤᠳᠤᠭ ᠤᠨ ᠠᠮᠢ ᠠᠬᠤᠢ ᠶᠢᠨ ᠰᠡᠷᠬᠦᠯᠳᠡ ᠶᠢᠨ ᠪᠠᠶᠢᠳᠠᠯ ᠳᠤ ᠦᠨᠳᠦᠰᠦᠯᠡᠨ ᠬᠠᠰᠢᠶᠠᠯᠠᠵᠤ ᠮᠠᠯᠵᠢᠬᠤ ᠶᠢ ᠦᠷᠬᠦᠯᠵᠢᠯᠡᠨ ᠬᠡᠷᠡᠭᠵᠢᠬᠦᠯᠬᠦ ᠪᠤᠶᠤ ᠮᠠᠯ ᠪᠡᠯᠴᠢᠬᠡᠷ ᠤᠨ ᠳᠡᠩᠴᠡᠬᠦᠷᠢ ᠶᠢᠨ ᠬᠠᠮᠢᠶᠠᠷᠤᠯᠳᠠ ᠶᠢ ᠬᠡᠷᠡᠭᠵᠢᠬᠦᠯᠬᠦ ᠪᠤᠯᠤᠨ᠎ᠠ᠃       ︵2︶ ᠮᠠᠯ ᠪᠡᠯᠴᠢᠬᠡᠷ ᠤᠨ ᠳᠡᠩᠴᠡᠬᠦᠷᠢ ᠶᠢᠨ ᠤᠷᠮᠠᠰᠢᠭᠤᠯᠤᠯ᠃ ᠬᠠᠰᠢᠶᠠᠯᠠᠵᠤ ᠮᠠᠯᠵᠢᠬᠤ ᠠᠴᠠ ᠭᠠᠳᠠᠨᠠᠬᠢ ᠪᠦᠰᠡ ᠳᠤ ᠪᠡᠯᠴᠢᠬᠡᠷ ᠤᠨ ᠳᠠᠭᠠᠭᠠᠴᠠ ᠳᠤ ᠨᠡᠶᠢᠴᠡᠬᠦᠯᠦᠨ ᠮᠠᠯ ᠤᠨ ᠳᠤᠭ᠎ᠠ ᠳᠤᠯᠤᠭᠠᠢ ᠶᠢ ᠬᠢᠵᠠᠭᠠᠷᠯᠠᠵᠤ᠂ ᠮᠠᠯ ᠪᠡᠯᠴᠢᠬᠡᠷ ᠤᠨ ᠳᠡᠩᠴᠡᠬᠦᠷᠢ ᠶᠢᠨ ᠬᠠᠮᠢᠶᠠᠷᠤᠯᠳᠠ ᠶᠢ ᠬᠡᠷᠡᠭᠵᠢᠬᠦᠯᠦᠨ᠂ ᠳᠦᠪ ᠤᠨ ᠡᠳ᠋ ᠤᠨ ᠵᠠᠰᠠᠭ ᠠᠴᠠ ᠵᠢᠯ ᠳᠤ ᠮᠦ ᠪᠦᠷᠢ ᠳᠤ 2.5 ᠳᠦᠬᠦᠷᠢᠭ ᠤᠨ ᠪᠠᠷᠢᠮᠵᠢᠶ᠎ᠠ ᠪᠠᠷ ᠤᠷᠮᠠᠰᠢᠭᠤᠯᠤᠯ ᠤᠯᠭᠤᠵᠤ ᠪᠤᠢ᠃ ᠡᠬᠦᠪᠡᠷ ᠮᠠᠯᠴᠢᠳ ᠢ ᠵᠤᠷᠢᠭᠵᠢᠭᠤᠯᠤᠨ ᠮᠠᠯ ᠪᠡᠯᠴᠢᠬᠡᠷ ᠤᠨ ᠳᠡᠩᠴᠡᠬᠦᠷᠢ ᠶᠢ ᠪᠠᠳᠤᠯᠠᠭᠰᠠᠨ ᠰᠠᠭᠤᠷᠢᠨ ᠳᠤ ᠤᠯᠠᠷᠢᠯ ᠤᠨ ᠴᠢᠨᠠᠷᠳᠠᠢ ᠬᠠᠰᠢᠶᠠᠯᠠᠵᠤ ᠮᠠᠯᠵᠢᠬᠤ ᠪᠠ ᠪᠦᠰᠡ ᠬᠤᠪᠢᠶᠠᠨ ᠰᠡᠯᠬᠦᠨ ᠮᠠᠯᠵᠢᠬᠤ ᠪᠤᠳᠤᠯᠭ᠎ᠠ ᠶᠢ ᠬᠡᠷᠡᠭᠵᠢᠬᠦᠯᠵᠤ᠂ ᠪᠡᠯᠴᠢᠬᠡᠷ ᠢ ᠵᠤᠬᠢᠰᠳᠠᠢ ᠠᠰᠢᠭᠯᠠᠬᠤ ᠪᠠᠶᠢᠩᠭᠤ ᠶᠢᠨ ᠳᠤᠭᠳᠠᠯᠴᠠᠭ᠎ᠠ ᠶᠢ ᠪᠦᠷᠢᠯᠳᠦᠬᠦᠯᠦᠨ᠎ᠡ᠃       ︵3︶ ᠦᠷ᠎ᠡ ᠪᠦᠳᠦᠮᠵᠢ ᠶᠢ ᠬᠢᠨᠠᠨ ᠰᠢᠯᠭᠠᠬᠤ ᠤᠷᠮᠠᠰᠢᠭᠤᠯᠤᠯ᠃ ᠳᠦᠪ ᠤᠨ ᠡᠳ᠋ ᠤᠨ ᠵᠠᠰᠠᠭ ᠠᠴᠠ ᠵᠢᠯ ᠪᠦᠷᠢ ᠦᠷ᠎ᠡ ᠪᠦᠳᠦᠮᠵᠢ ᠶᠢ ᠬᠢᠨᠠᠨ ᠰᠢᠯᠭᠠᠬᠤ ᠤᠷᠮᠠᠰᠢᠭᠤᠯᠤᠯ ᠤᠨ ᠪᠡᠯᠡ ᠮᠦᠩᠬᠦ ᠪᠠᠭᠤᠯᠭᠠᠵᠤ᠂ ᠠᠵᠢᠯ ᠤᠨ ᠦᠷ᠎ᠡ ᠪᠦᠳᠦᠮᠵᠢ ᠳᠤᠪᠤᠶᠢᠮ᠎ᠠ ᠮᠤᠵᠢ ᠤᠷᠤᠨ ᠳᠤ ᠪᠡᠯᠡ ᠮᠦᠩᠬᠦᠨ ᠤ ᠤᠷᠮᠠᠰᠢᠭᠤᠯᠤᠯ ᠤᠯᠭᠤᠵᠤ ᠪᠠᠶᠢᠨ᠎ᠠ᠃ ᠤᠷᠤᠨ ᠨᠤᠳᠤᠭ ᠤᠨ ᠵᠠᠰᠠᠭ ᠤᠨ ᠤᠷᠳᠤᠨ ᠡᠬᠦᠨ ᠢ ᠪᠡᠯᠴᠢᠬᠡᠷ ᠤᠨ ᠠᠮᠢ ᠠᠬᠤᠢ ᠶᠢ ᠬᠠᠮᠠᠭᠠᠯᠠᠵᠤ ᠪᠠᠶᠢᠭᠤᠯᠬᠤ ᠪᠠ ᠪᠡᠯᠴᠢᠬᠡᠷ ᠡᠪᠡᠰᠦᠨ ᠤ ᠦᠢᠯᠡᠰ ᠤᠨ ᠬᠦᠭᠵᠢᠯ ᠳᠤ ᠨᠢᠬᠡᠳᠦᠯᠳᠡᠢ ᠠᠰᠢᠭᠯᠠᠬᠤ ᠪᠤᠯᠤᠨ᠎ᠠ᠃
 
ᠢᠷᠡᠯᠲᠡ᠄ ᠰᠢᠨᠬᠤᠸᠠ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号