ᠮᠠᠨ ᠤ ᠠᠶᠢᠮᠠᠭ ᠤᠯᠠᠨ ᠵᠦᠢᠯ ᠤᠨ ᠠᠷᠭ᠎ᠠ ᠪᠠᠷ ᠮᠠᠯ ᠤᠨ ᠵᠠᠷᠤᠴᠠᠭᠤᠯᠤᠯᠳᠠ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2016/8/25
    ᠮᠠᠯᠴᠢᠳ ᠤᠨ ᠮᠠᠯ ᠤᠨ ᠵᠠᠷᠤᠴᠠᠭᠤᠯᠤᠯᠳᠠ ᠶᠢ ᠪᠦᠳᠦᠮᠵᠢᠳᠠᠢ ᠠᠬᠢᠭᠤᠯᠬᠤ ᠶᠢᠨ ᠲᠤᠰᠠᠳᠠ᠂ ᠮᠠᠨ ᠤ ᠠᠶᠢᠮᠠᠭ ᠴᠠᠭ ᠲᠤᠬᠠᠢ ᠳᠤᠨᠢ ᠤᠯᠠᠨ ᠵᠦᠢᠯ ᠤᠨ ᠠᠷᠭ᠎ᠠ ᠭᠡᠮᠵᠢᠶ᠎ᠠ ᠭᠡᠷᠡᠭᠵᠢᠬᠦᠯᠵᠦ᠂ ᠠᠷᠠᠴᠢᠯᠠᠨ ᠮᠠᠯᠵᠢᠬᠤ ᠦᠪᠡᠷ ᠤᠨ ᠦᠷᠳᠡᠭ ᠢ ᠪᠠᠭᠠᠰᠬᠠᠨ᠂ ᠮᠠᠯᠴᠢᠳ‌‍ᠤᠨ ᠤᠷᠤᠯᠭ᠎ᠠ ᠶᠢ ᠲᠤᠭᠳᠠᠭᠤᠨ ᠨᠡᠮᠡᠭᠳᠡᠭᠦᠯᠬᠦ ᠳᠤ ᠪᠠᠳᠤᠯᠠᠭ᠎ᠠ ᠬᠠᠨᠭ᠍ᠭᠠᠵᠦ ᠪᠤᠢ᠃     ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠤ ᠵᠠᠬ᠎ᠠ ᠲᠡᠯᠭᠡᠭᠦᠷ ᠤᠨ ᠪᠠᠶᠢᠳᠠᠯ ᠪᠤᠯᠤᠨ ᠰᠢᠨ᠎ᠠ ᠡᠭᠡᠯᠵᠢ ᠶᠢᠨ ᠨᠤᠳᠤᠭ ᠪᠡᠯᠴᠢᠭᠡᠷ ᠤᠨ ᠱᠡᠩᠨᠠᠯ ᠨᠦᠭᠦᠪᠦᠷᠢ ᠶᠢᠨ ᠲᠦᠷᠢᠮ᠂ ᠬᠤᠨᠢ ᠶᠢ ᠴᠦᠭᠡᠳᠭᠡᠵᠦ ᠦᠭᠡᠷ ᠢᠯᠡᠭᠦᠦ ᠮᠠᠯᠵᠢᠬᠤ ᠪᠠᠶᠢᠯᠳᠤᠬᠤ ᠪᠤᠳᠤᠯᠭ᠎ᠠ ᠵᠡᠷᠭᠡ ᠶᠢ ᠤᠬᠠᠭᠤᠯᠤᠨ ᠲᠠᠶᠢᠯᠪᠤᠷᠢᠯᠠᠵᠦ᠂ ᠮᠠᠯᠴᠢᠳ ᠢ ᠮᠠᠯ ᠢᠶᠠᠨ ᠡᠷᠳᠡ᠂ ᠲᠦᠷᠭᠡᠨ᠂ ᠤᠯᠠᠨ ᠵᠠᠷᠤᠴᠠᠭᠤᠯᠬᠤ ᠶᠢ ᠵᠢᠯᠤᠭᠤᠳᠴᠦ ᠪᠠᠶᠢᠨ᠎ᠠ᠃ ᠡᠯ᠎ᠠ ᠭᠠᠵᠠᠷ ᠤᠨ ᠬᠢᠨ ᠤᠯᠠᠭᠠᠨ ᠢᠳᠡᠭᠡᠨ ᠡᠳ᠋ᠰᠢᠭᠦᠯᠭᠦ ᠠᠵᠦ ᠠᠬᠤᠢᠢᠯᠠᠯ ᠲᠠᠢ ᠦᠷᠭᠦᠯᠵᠢᠯᠡᠨ ᠠᠵᠢᠯ ᠢᠶᠠᠨ ᠵᠤᠬᠢᠴᠠᠭᠤᠯᠵᠦ᠂ ᠮᠠᠯ ᠵᠦᠭᠡᠭᠡᠪᠦᠷᠢᠯᠡᠨ ᠭᠦᠷᠭᠡᠵᠦ ᠡᠳ᠋ᠰᠢᠭᠦᠯᠭᠦ ᠶᠢ ᠡᠮᠭᠢ ᠵᠠᠮᠪᠠᠷᠠᠭ᠎ᠠ ᠲᠠᠢ ᠵᠤᠬᠢᠶᠠᠨ ᠪᠠᠶᠢᠭᠤᠯᠵᠦ᠂ ᠮᠠᠯᠴᠢᠳ ᠤᠨ ᠤᠷᠳᠤ ᠬᠤᠭᠤᠴᠠᠭ᠎ᠠ ᠭᠦᠯᠢᠶᠡᠵᠦ ᠮᠠᠯ ᠤᠨ ᠢᠶᠠᠨ ᠲᠠᠷᠭᠤ ᠭᠦᠴᠦ ᠶᠢ ᠮᠠᠭᠤᠳᠠᠭᠤᠯᠬᠤ ᠶᠢ ᠰᠡᠷᠭᠡᠶᠢᠯᠡᠵᠦ ᠪᠤᠢ᠃ ᠡᠭᠦᠨ ᠤ ᠬᠠᠮᠳᠦ᠂ ᠠᠵᠦ ᠠᠬᠤᠢᠢᠯᠠᠯ ᠤᠨ ᠦᠢᠯᠡᠳᠪᠦᠷᠢᠯᠡᠵᠦ ᠡᠳ᠋ᠰᠢᠭᠦᠯᠭᠦ ᠭᠤᠭᠴᠤᠭᠠᠨ ᠳᠤ ᠬᠢᠨᠠᠯᠳᠠ ᠲᠠᠯᠪᠢᠬᠤ ᠪᠠᠨ ᠴᠢᠩᠭᠠᠳᠬᠠᠵᠦ᠂ ᠶᠠᠰᠦ ᠴᠢᠨᠠᠷ ᠠᠮᠤᠷ ᠲᠦᠪᠰᠢᠨ ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠷᠭ᠎ᠠ ᠪᠤᠳᠤᠯᠭ᠎ᠠ ᠶᠢ ᠴᠢᠩᠭᠠᠳᠬᠠᠵᠦ᠂ ᠤᠯᠠᠭᠠᠨ ᠢᠳᠡᠭᠡᠨ ᠤ ᠶᠠᠰᠦ ᠴᠢᠨᠠᠷ ᠠᠮᠤᠷ ᠲᠦᠪᠰᠢᠨ ᠢ ᠪᠠᠳᠤᠯᠠᠵᠦ ᠪᠠᠶᠢᠨ᠎ᠠ᠃       ᠡᠳ᠋ᠰᠢᠭᠦᠯᠤᠨ ᠪᠤᠯᠪᠠᠰᠤᠷᠠᠭᠤᠯᠬᠤ ᠠᠵᠦ ᠠᠬᠤᠢᠢᠯᠠᠯ ᠤᠨ ᠮᠠᠯ ᠬᠤᠳᠠᠯᠳᠤᠨ ᠠᠪᠬᠤ ᠪᠡᠯᠡ ᠮᠦᠡᠭᠭᠦᠨ ᠤ ᠵᠢᠭᠡᠯᠡᠯᠭᠡ ᠶᠢ ᠲᠤᠬᠢᠷᠠᠭᠤᠯᠤᠨ ᠰᠢᠢᠳᠪᠦᠷᠢᠯᠡᠵᠦ᠂ ᠵᠢᠭᠡᠯᠡᠯᠭᠡ ᠠᠪᠬᠤ ᠪᠠᠷ ᠡᠷᠡᠮᠡᠯᠵᠡᠯᠡᠭᠰᠡᠨ ᠠᠵᠦ ᠠᠬᠤᠢᠢᠯᠠᠯ ᠢ ᠰᠢᠯᠢᠨ ᠰᠤᠩᠭᠤᠵᠦ ᠬᠢᠨᠠᠨ ᠬᠠᠷᠭᠤᠭᠤᠯᠬᠤ ᠠᠵᠢᠯ ᠢ ᠰᠠᠶᠢᠳᠦᠷ ᠬᠢᠵᠦ᠂ ᠠᠶᠢᠮᠠᠭ ᠤᠨ ᠲᠤᠳᠤᠭᠠᠳᠦᠭᠢ ᠢᠳᠡᠭᠡᠯ ᠨᠠᠶᠢᠳᠠᠪᠤᠷᠢᠳᠠᠢ ᠠᠵᠦ ᠠᠬᠤᠢᠢᠯᠠᠯ ᠢ ᠭᠤᠤᠯᠳᠠᠯᠭ᠎ᠠ ᠲᠠᠢ ᠰᠤᠩᠭᠤᠨ ᠲᠤᠭᠳᠠᠭᠠᠵᠦ᠂ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠲᠠᠢ ᠲᠤᠬᠢᠷᠠᠯᠴᠠᠨ ᠭᠠᠷᠳᠠᠮ ᠵᠠᠪᠤᠴᠠ ᠶᠢ ᠲᠦᠭᠦᠮᠴᠢᠯᠡᠨ᠂ ᠮᠠᠯ ᠬᠤᠳᠠᠯᠳᠤᠨ ᠠᠪᠴᠦ ᠡᠳ᠋ᠰᠢᠭᠦᠯᠭᠦ ᠶᠢ ᠳᠡᠮᠵᠢᠬᠦ ᠵᠢᠭᠡᠯᠡᠯᠭᠡ ᠲᠠᠷᠬᠠᠭᠠᠬᠤ ᠡᠷᠴᠢᠮ ᠢ ᠴᠢᠩᠭᠠᠷᠠᠭᠤᠯᠵᠦ ᠪᠤᠢ᠃ ᠠᠵᠦ ᠠᠬᠤᠢᠢᠯᠠᠯ ᠤᠨ ᠵᠠᠬ᠎ᠠ ᠲᠡᠯᠭᠡᠭᠦᠷ ᠡᠷᠢᠵᠦ ᠂ ᠪᠤᠷᠤᠯᠠᠭᠤᠯᠭ᠎ᠠ ᠶᠢᠨ ᠵᠠᠮ ᠬᠠᠶᠢᠨ᠂ ᠵᠠᠬᠢᠶᠠᠯᠠᠭ᠎ᠠ ᠡᠷᠢᠭᠦ ᠶᠢ ᠢᠳᠡᠪᠬᠢᠳᠠᠢ ᠲᠡᠮᠵᠢᠵᠦ᠂ ᠲᠠᠨᠢᠯᠴᠠᠭᠤᠯᠭ᠎ᠠ ᠶᠢᠨ ᠬᠤᠷᠠᠯ ᠢᠶᠠᠷ ᠲᠠᠮᠵᠢᠭᠤᠯᠤᠨ᠂ ᠤᠬᠠᠭᠤᠯᠭ᠎ᠠ ᠶᠢ ᠴᠢᠩᠭᠠᠳᠬᠠᠵᠦ᠂ ᠨᠡᠷᠡᠳᠦ ᠲᠡᠮᠳᠡᠭ ᠡᠭᠦᠳᠦᠨ᠂ ᠵᠠᠬ᠎ᠠ ᠲᠡᠯᠭᠡᠭᠦᠷ ᠲᠤ ᠦᠷᠢᠰᠦᠯᠳᠦᠵᠦ᠂ ᠬᠤᠨᠢᠨ ᠮᠢᠬᠠᠨ ᠤ ᠰᠢᠭᠤᠳ ᠪᠤᠷᠤᠯᠠᠭᠤᠯᠭ᠎ᠠ ᠶᠢᠨ ᠲᠡᠯᠭᠡᠭᠦᠷ᠂ ᠬᠤᠯᠪᠤᠭᠠᠯᠠᠨ ᠪᠤᠷᠤᠯᠠᠭᠤᠯᠬᠤ᠂ ︽ᠬᠤᠨᠢᠨ ᠮᠢᠬᠠᠨ ᠤ ᠢᠨᠲ᠋ᠧᠷ ᠰᠦᠯᠵᠢᠶ᠎ᠠ +︾ ᠵᠡᠷᠭᠡ ᠤᠯᠠᠨ ᠵᠦᠢᠯ ᠤᠨ ᠭᠡᠯᠪᠡᠷᠢ ᠪᠠᠷ ᠬᠤᠨᠢᠨ ᠮᠢᠬᠠᠨ ᠤ ᠪᠤᠷᠤᠯᠠᠭᠤᠯᠭ᠎ᠠ ᠶᠢᠨ ᠲᠤᠤᠷ ᠢ ᠪᠦᠷᠢᠯᠳᠦᠭᠦᠯᠪᠡ᠃       ᠡᠪᠡᠰᠦ ᠪᠤᠷᠳᠤᠭ᠎ᠠ ᠨᠦᠭᠡᠴᠡᠯᠡᠨ ᠵᠦᠭᠡᠭᠡᠪᠦᠷᠢᠯᠡᠭᠦ ᠲᠠᠯ᠎ᠠ ᠪᠠᠷ᠂ ᠬᠠᠳᠤᠯᠠᠩ ᠤᠨ ᠭᠠᠵᠠᠷ ᠤᠨ ᠬᠠᠮᠢᠶᠠᠷᠤᠯᠳᠠ ᠶᠢ ᠴᠢᠩᠭᠠᠳᠬᠠᠵᠦ᠂ ᠰᠡᠯᠭᠦᠨ ᠬᠠᠳᠤᠬᠤ᠂ ᠡᠪᠡᠰᠦᠨ ᠤ ᠦᠷ᠎ᠠ ᠶᠢ ᠦᠯᠡᠳᠡᠭᠡᠭᠦ ᠵᠡᠷᠭᠡ ᠡᠪᠡᠰᠦ ᠬᠠᠳᠤᠬᠤ ᠠᠵᠢᠯ ᠤᠨ ᠲᠦᠷᠢᠮ ᠶᠠᠪᠤᠴᠠ ᠶᠢ ᠴᠢᠩᠭ᠎ᠠ ᠨᠠᠶᠢᠳᠠᠪᠤᠷᠢᠵᠢᠭᠤᠯᠵᠦ᠂ ᠡᠪᠡᠰᠦ ᠪᠤᠷᠳᠤᠭ᠎ᠠ ᠲᠤᠳᠠᠭᠳᠠᠵᠦ ᠪᠠᠶᠢᠭ᠎ᠠ ᠪᠠᠶᠢᠳᠠᠯ ᠢ ᠪᠠᠶᠢᠴᠠᠭᠠᠨ ᠤᠢᠢᠯᠠᠭᠠᠵᠦ᠂ ᠠᠶᠢᠮᠠᠭ ᠤᠨ ᠭᠠᠳᠠᠨ᠎ᠠ ᠠᠴᠠ ᠡᠪᠡᠰᠦ ᠤᠷᠤᠭᠤᠯᠬᠤ᠂ ᠠᠶᠢᠮᠠᠭ ᠤᠨ ᠲᠤᠳᠤᠭᠠᠳᠦ ᠳᠤ ᠲᠤᠬᠢᠷᠠᠭᠤᠯᠤᠨ ᠵᠦᠭᠡᠭᠡᠪᠦᠷᠢᠯᠡᠭᠦ ᠪᠤᠯᠤᠨ ᠲᠦᠪᠯᠡᠷᠡᠭᠦᠯᠦᠨ ᠨᠦᠭᠡᠴᠡᠯᠡᠭᠦ ᠶᠢ ᠰᠠᠶᠢᠳᠦᠷ ᠬᠢᠵᠦ ᠪᠤᠢ᠃ ᠬᠤᠯᠪᠤᠭᠠᠯᠠᠨ ᠬᠠᠤᠯᠢ ᠭᠡᠷᠡᠭᠵᠢᠭᠦᠯᠭᠦ ᠠᠵᠢᠯᠯᠠᠭ᠎ᠠ ᠦᠷᠨᠢᠭᠦᠯᠵᠦ᠂ ᠡᠪᠡᠰᠦ ᠪᠤᠷᠳᠤᠭ᠎ᠠ ᠵᠦᠭᠡᠭᠡᠪᠦᠷᠢᠯᠡᠭᠦ ᠲᠡᠷᠭᠡ ᠤᠨᠤᠭ᠎ᠠ ᠶᠢ ᠬᠠᠤᠯᠢ ᠶᠤᠰᠤᠭᠠᠷ ᠪᠠᠶᠢᠴᠠᠭᠠᠵᠦ᠂ ᠬᠠᠤᠯᠢ ᠪᠤᠰᠤ ᠪᠠᠷ ᠡᠪᠡᠰᠦ ᠵᠦᠭᠡᠭᠡᠪᠦᠷᠢᠯᠡᠵᠦ ᠪᠠᠶᠢᠭ᠎ᠠ ᠲᠡᠷᠭᠡ ᠤᠨᠤᠭ᠎ᠠ ᠶᠢ ᠬᠠᠮᠢᠶ᠎ᠠ ᠪᠦᠭᠦᠢ ᠬᠠᠤᠯᠢ ᠲᠦᠷᠢᠮ ᠶᠤᠰᠤᠭᠠᠷ ᠰᠢᠢᠳᠪᠦᠷᠢᠯᠡᠵᠦ᠂ ᠡᠪᠡᠰᠦ ᠪᠤᠷᠳᠤᠭ᠎ᠠ ᠶᠢ ᠠᠶᠢᠮᠠᠭ ᠠᠴᠠ ᠭᠠᠳᠠᠭᠰᠢ ᠵᠦᠭᠡᠭᠡᠪᠦᠷᠢᠯᠡᠭᠦ ᠶᠢ ᠴᠢᠩᠭ᠎ᠠ ᠬᠤᠷᠢᠭᠯᠠᠵᠦ ᠪᠤᠢ᠃ ᠮᠠᠯ ᠬᠤᠳᠠᠯᠳᠤᠨ ᠠᠪᠬᠤ᠂ ᠡᠳ᠋ᠰᠢᠭᠦᠯᠤᠨ ᠪᠤᠯᠪᠠᠰᠤᠷᠠᠭᠤᠯᠬᠤ ᠪᠤᠯᠤᠨ ᠡᠪᠡᠰᠦ ᠪᠤᠷᠳᠤᠭ᠎ᠠ ᠪᠤᠷᠤᠯᠠᠭᠤᠯᠬᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠪᠠ᠃ ᠬᠤᠳᠠᠯᠳᠤᠨ ᠠᠪᠬᠤ᠂ ᠡᠳ᠋ᠰᠢᠬᠦᠯᠬᠦ ᠵᠡᠷᠭᠡ ᠭᠤᠭᠴᠤᠭᠠᠨ ᠳᠤ ᠦᠨ᠎ᠠ ᠬᠠᠨᠭ᠍ᠰᠢ ᠶᠢ ᠭᠠᠭᠴᠠᠭᠠᠷ ᠡᠵᠡᠮᠰᠢᠭᠦ᠂ ᠮᠡᠭᠡᠯᠡᠨ ᠬᠢᠬᠠᠬᠤ ᠵᠢᠴᠢ ᠵᠤᠬᠢᠰ ᠦᠭᠡᠢ ᠰᠦᠢᠳᠭᠡᠯ ᠬᠤᠷᠢᠶᠠᠬᠤ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠡᠪᠡᠰᠦ ᠪᠤᠷᠳᠤᠭᠠᠨ ᠤ ᠦᠨ᠎ᠠ ᠶᠢ ᠲᠤᠷ᠎ᠠ ᠪᠠᠷ ᠦᠰᠭᠡᠭᠦ᠂ ᠬᠡᠯᠪᠡᠷᠢ ᠶᠢ ᠨᠢ ᠬᠤᠪᠢᠷᠠᠭᠤᠯᠤᠨ ᠦᠨ᠎ᠠ ᠦᠰᠭᠡᠭᠦ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠵᠦ᠂ ᠡᠯ᠎ᠠ ᠵᠦᠢᠯ ᠤᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号