ᠠᠪᠠᠭ᠎ᠠ ᠬᠤᠰᠢᠭᠤᠨ ᠤ 2015 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2016/8/26
      — ᠠᠪᠠᠭ᠎ᠠ ᠬᠤᠰᠢᠭᠤᠨ ᠤ ᠠᠷᠪᠠᠨ ᠲᠦᠷᠪᠡᠳᠣᠬᠡᠷ ᠬᠤᠭᠤᠴᠠᠭᠠᠨ ᠤ ᠠᠷᠠᠳ          ᠎ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠷᠪᠡᠳᠤᠬᠡᠷ ᠣᠳᠠᠭᠠᠨ ᠤ ᠬᠤᠷᠡᠯ                  ᠵᠠᠰᠠᠭ ᠤᠨ ᠣᠷᠳᠣᠨ ᠤ ᠬᠤᠰᠢᠭᠤ ᠲᠠᠷᠤᠭ᠎ᠠ        ᠠᠮᠣᠭᠤᠯᠠᠩ                         2016 ᠣᠨ ᠤ 2 ᠰᠠᠷ᠎ᠠ ᠶᠢᠨ 26᠎ ᠤ ᠡᠳᠣᠷ ᠲᠦᠯᠦᠬᠡᠯᠡᠭᠴᠢᠳ ᠡ᠄     ᠣᠳᠣ ᠪᠢ ᠬᠤᠰᠢᠭᠤ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠣᠯᠠᠨ ᠢᠶᠠᠷ ᠢᠶᠠᠨ ︽ᠠᠪᠠᠭ᠎ᠠ ᠬᠤᠰᠢᠭᠤᠨ ᠤ ᠤᠯᠤᠰ ᠠᠷᠡᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠎ ᠶᠢᠨ ᠠᠷᠪᠠᠨ ᠭᠤᠷᠪᠡᠳᠤᠭᠠᠷ ᠲᠠᠪᠤᠨ ᠵᠢᠯ ᠤᠨ ᠲᠦᠯᠤᠪᠵᠢᠬᠦᠯᠬᠡ ᠶᠢᠨ ᠬᠦᠳᠤᠯᠪᠤᠷᠢ ︵ᠲᠦᠰᠤᠯ︶︾᠎ ᠲᠠᠢ ᠬᠠᠮᠳᠤ ᠬᠢᠨᠡᠨ ᠵᠦᠪᠯᠡᠬᠡᠷᠡᠢ᠂ ᠤᠯᠤᠰ ᠲᠦᠷᠥ ᠶᠢᠨ ᠵᠦᠪᠯᠡᠯᠬᠡᠨ ᠤ ᠬᠡᠰᠢᠬᠦᠳ ᠪᠠ ᠬᠤᠷᠡᠯ ᠳᠤ ᠰᠤᠯᠠ ᠤᠷᠤᠯᠴᠠᠭᠰᠡᠨ ᠨᠦᠬᠦᠳ ᠰᠠᠨᠠᠯ ᠢᠶᠠᠨ ᠲᠤᠷᠡᠳᠬᠤ ᠪᠤᠯᠪᠠᠤ︕     ᠨᠢᠬᠡ᠂  ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠬᠤᠭᠤᠴᠠᠭ᠎ᠠ ᠪᠠ 2015 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠡᠷᠬᠢᠴᠡᠬᠦᠯᠤᠯ     ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠬᠤᠭᠤᠴᠠᠭ᠎ᠠ ᠪᠤᠯ ᠮᠠᠨ ᠤ ᠬᠤᠰᠢᠭᠤᠨ ᠎ ᠤ ᠬᠦᠭᠵᠢᠯᠳᠠ ᠶᠢᠨ ᠲᠡᠦᠭᠡᠨ ᠶᠠᠪᠤᠴᠠ ᠳᠠᠬᠢ ᠶᠠᠷᠤ ᠪᠤᠰᠤ ᠶᠢᠨ ᠲᠠᠪᠤᠨ ᠵᠢᠯ ᠪᠣᠯᠬᠤ ᠶᠣᠮ᠃ ᠠᠵᠦ ᠠᠬᠤᠢ ᠪᠠ ᠦᠭᠡᠷᠡᠴᠢᠯᠡᠯᠳᠡ ᠶᠢᠨ ᠲᠦᠪᠡᠭ ᠬᠠᠳᠠᠭᠤᠵᠢᠯᠳᠠᠢ ᠪᠠᠶᠢᠳᠠᠯ ᠲᠤᠤᠷ᠎ᠠ᠂ ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠦᠪ ᠣᠨᠣᠪᠴᠢᠳᠠᠢ ᠤᠳᠤᠷᠢᠳᠤᠯᠭ᠎ᠠ᠂ ᠬᠤᠰᠢᠭᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ᠂ ᠤᠯᠤᠰ ᠲᠦᠷᠤ ᠶᠢᠨ ᠵᠦᠪᠯᠡᠯᠬᠡᠨ ᠤ ᠬᠦᠴᠤᠳᠡᠢ ᠲᠡᠮᠵᠢᠯᠬᠡ ᠲᠤᠤᠷ᠎ᠠ ᠬᠤᠰᠢᠭᠤ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠦᠡᠳᠤᠰᠤᠳᠠᠨ ᠨᠦᠭᠦᠳ ᠤᠨ ᠠᠷᠡᠳ ᠲᠦᠮᠡᠨ ᠎ ᠢᠶᠠᠨ ᠪᠦᠯᠬᠦᠮᠳᠠᠬᠦᠯᠤᠨ ᠲᠠᠭᠠᠭᠤᠯᠵᠤ᠂ ᠠᠵᠠ ᠲᠣᠬᠢᠶᠠᠯ ᠢ ᠡᠵᠡᠮᠳᠡᠨ᠂ ᠬᠦᠭᠵᠢᠯᠳᠡ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠣᠨ᠂ ᠬᠦᠴᠢᠷ ᠢ ᠰᠦᠷᠦᠨ ᠰᠢᠷᠭᠠᠭᠤ ᠠᠵᠢᠯᠯᠠᠭᠰᠠᠨ ᠠᠴᠠ ᠠᠵᠣ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠨᠢ ᠪᠠᠶᠠᠷᠯᠠᠭᠤᠰᠢᠳᠠᠢ ᠠᠮᠵᠢᠯᠳᠠ ᠤᠯᠤᠭᠰᠠᠨ ᠪᠠᠶᠢᠨ᠎ᠠ᠃     ᠲᠠᠪᠣᠨ ᠵᠢᠯ ᠤᠨ ᠲᠣᠷᠰᠢ ᠠᠵᠤ ᠠᠬᠤᠢ ᠶᠢᠨ ᠶᠠᠷᠤᠩᠬᠡᠶᠢᠯᠡᠭᠰᠡᠨ ᠪᠤᠳᠠᠳᠤ ᠬᠦᠴᠤᠨ ᠢᠯᠡᠳᠳᠡ ᠴᠢᠩᠭᠠᠷᠠᠪᠠ᠃ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 2010 ᠤᠨ ᠤ 34.2 ᠳ᠋ᠦᠩᠰᠢᠭᠤᠷ ᠲᠦᠬᠦᠷᠢᠭ ᠎ ᠠᠴᠠ ᠨᠡᠮᠡᠭᠳᠡᠬᠦᠯᠣᠬᠡᠳ 67.4 ᠳ᠋ᠦᠩᠰᠢᠭᠤᠷ ᠲᠦᠬᠦᠷᠢᠭ ᠲᠤ ᠬᠦᠷᠬᠡᠵᠣ᠂ ᠲᠤᠮᠳᠠᠴᠢ ᠪᠠᠷ ᠵᠢᠯ ᠪᠦᠷᠢ 14.5% ᠎ ᠪᠠᠷ ᠨᠡᠮᠡᠭᠳᠡᠨ᠂ ᠬᠦᠮᠤᠨ ᠪᠦᠷᠢ ᠳᠤ ᠲᠡᠭᠰᠢᠳᠬᠡᠭᠰᠡᠨ ᠦᠢᠯᠡᠳᠪᠤᠷᠢᠯᠡᠯ ᠤᠨ ᠶᠠᠷᠤᠩᠬᠡᠢ ᠦᠷᠳᠡᠭ 15 ᠲᠦᠮᠡᠨ ᠲᠦᠬᠦᠷᠢᠭ ᠲᠤ ᠬᠦᠷᠴᠤ᠂ ᠪᠦᠬᠦ ᠠᠶᠢᠮᠠᠭ ᠤᠨ ᠲᠤᠮᠳᠠᠴᠢ ᠬᠢᠷᠢ ᠲᠦᠪᠰᠢᠨ ᠠᠴᠠ ᠦᠡᠳᠤᠷ ᠪᠠᠶᠢᠵᠤ᠂ ᠲᠠᠬᠢᠨ ᠢᠶᠠᠷ ᠦᠰᠪᠠ︔ ︽ᠠᠷᠪᠠᠨ ᠬᠤᠶᠠᠳᠣᠭᠠᠷ ᠲᠠᠪᠣᠨ ᠵᠢᠯ︾᠎ ᠤᠨ ᠬᠤᠭᠤᠴᠠᠭᠠᠨ ᠳᠤ᠄ ᠤᠯᠤᠰ᠂ ᠦᠪᠡᠷᠳᠡᠬᠡᠨ ᠵᠠᠰᠠᠬᠤ ᠤᠷᠤᠨ ᠪᠠ ᠠᠶᠢᠮᠠᠭ ᠤᠨ ᠲᠡᠰ ᠤᠨ 1812 ᠲᠦᠷᠦᠯ ᠵᠦᠢᠯ ᠢ ᠡᠷᠡᠮᠡᠯᠵᠡᠯᠡᠨ᠂ 21 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠡᠷᠡᠮᠡᠯᠵᠡᠯᠡᠨ ᠤᠯᠪᠠ᠃ ᠳ᠋ᠦᠩᠰᠢᠭᠤᠷ ᠲᠦᠬᠦᠷᠢᠭ ᠠᠴᠠ ᠲᠡᠬᠡᠭᠰᠢᠬᠢ ᠭᠤᠤᠯᠳᠠᠯᠭ᠎ᠠ ᠲᠠᠢ ᠲᠦᠷᠥᠯ ᠵᠥᠢᠯ 12 ᠪᠠᠶᠢᠵᠤ᠂ 212 ᠳ᠋ᠦᠩᠰᠢᠭᠤᠷ ᠲᠦᠬᠦᠷᠢᠭ ᠤᠨ ᠪᠦᠬᠦ ᠨᠠᠶᠢᠬᠡᠮ ᠤᠨ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ ᠪᠠᠶᠠᠯᠠᠬᠦᠯᠤᠨ᠂ ︽ᠠᠷᠪᠠᠨ ᠨᠢᠬᠡᠳᠤᠬᠡᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠬᠤᠭᠤᠴᠠᠭᠠᠨ ᠤ 1.3 ᠲᠡᠬᠢᠨ ᠪᠣᠯᠪᠠ᠃ ᠭᠠᠵᠡᠷ ᠤᠷᠤᠨ ᠤ ᠡᠩ ᠤᠨ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠨᠢ ᠲᠤᠮᠳᠠᠴᠢ ᠪᠠᠷ ᠵᠢᠯ ᠪᠦᠷᠢ 5.3%᠎ ᠪᠠᠷ ᠨᠡᠮᠡᠭᠳᠡᠨ᠂ ᠡᠩ ᠤᠨ ᠤᠯᠠᠨ ᠨᠠᠶᠢᠳᠠ ᠶᠢᠨ ᠲᠦᠰᠤᠪ ᠤᠨ ᠵᠠᠷᠤᠯᠭ᠎ᠠ ᠨᠢ ᠲᠤᠮᠳᠠᠴᠢ ᠪᠠᠷ ᠵᠢᠯ ᠪᠦᠷᠢ 12.9%᠎ ᠪᠠᠷ ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠮᠳᠠᠴᠢ ᠪᠠᠷ ᠵᠢᠯ ᠪᠦᠷᠢ 14.2 %  ᠪᠠ 17 %  ᠎ ᠪᠠᠷ ᠨᠡᠮᠡᠭᠳᠡᠨ᠂ ᠲᠣᠰ ᠲᠣᠰ 3 ᠲᠦᠮᠡ ᠪᠠ 2 ᠲᠦᠮᠡᠨ ᠲᠦᠬᠦᠷᠢᠭ ᠢ ᠲᠠᠪᠠᠵᠦ᠂ ᠲᠠᠬᠢᠨ ᠢᠶᠠᠷ ᠦᠰᠭᠡᠬᠦ ᠶᠢ ᠣᠷᠢᠳᠴᠢᠯᠠᠨ ᠪᠡᠶᠡᠯᠡᠬᠦᠯᠪᠡ᠃     ᠲᠠᠪᠣᠨ ᠵᠢᠯ ᠤᠨ ᠲᠣᠷᠰᠢ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠣᠨ᠂ ᠦᠢᠯᠡᠰ ᠤᠨ ᠪᠦᠳᠤᠴᠠ ᠪᠠᠨ ᠰᠢᠯᠢᠳᠡᠭᠵᠢᠬᠦᠯᠪᠡ᠃ ᠮᠠᠯ ᠠᠵᠣ ᠠᠬᠤᠢ ᠶᠢᠨ ᠰᠠᠭᠤᠷᠢᠯᠠᠭᠴᠢ ᠪᠠᠶᠢᠷᠢ ᠰᠠᠭᠤᠷᠢ ᠶᠢ ᠣᠯᠠᠮ ᠪᠠᠳᠣᠳᠬᠠᠨ᠂ 10.4 ᠲᠦᠮᠡᠨ ᠲᠡᠭᠰᠢ ᠲᠦᠷᠪᠡᠯᠵᠢᠨ ᠮᠧᠲᠷ ᠤᠨ ᠫᠸᠡᠭ ᠬᠤᠷᠤᠭ᠎ᠠ ᠰᠢᠨ᠎ᠠ ᠪᠠᠷ ᠪᠠᠶᠢᠭᠤᠯᠤᠨ᠂ 66.1 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠬᠡᠵᠤ᠂ 1194 ᠲᠦᠮᠡᠨ ᠮᠤ᠋ ᠨᠤᠳᠤᠭ ᠪᠠᠯᠴᠢᠬᠡᠷ ᠢ ᠬᠦᠷᠢᠶᠠᠯᠠᠵᠤ᠂ ᠨᠠᠶᠢᠳᠠ 3848 ᠲᠦᠮᠡᠨ ᠮᠣ᠋ ᠳᠤ ᠬᠦᠷᠬᠡᠨ᠂ ᠮᠠᠯ ᠠᠵᠣ ᠠᠬᠤᠢ ᠶᠢᠨ ᠮᠠᠰᠢᠨ ᠮᠧᠬᠠᠨᠢᠭ ᠬᠤᠳᠠᠯᠳᠣᠨ ᠠᠪᠬᠤ ᠳᠤ 1978 ᠲᠦᠮᠡᠨ ᠲᠦᠬᠦᠷᠢᠭ ᠨᠦᠬᠦᠪᠦᠷᠢᠯᠡᠨ᠂ 3546 ᠰᠠᠤᠷᠢ ᠮᠠᠰᠢᠨ ᠮᠧᠬᠠᠨᠢᠭ ᠬᠤᠳᠠᠯᠳᠤᠨ ᠤᠷᠤᠭᠤᠯᠵᠤ᠂ ᠨᠠᠶᠢᠳᠠ 5398 ᠪᠣᠯᠭᠠᠪᠠ᠃ ᠲᠤᠮᠳᠠᠴᠢ ᠪᠠᠷ ᠵᠢᠯ ᠳᠤ 100 ᠲᠦᠮᠡ ᠠᠴᠠ ᠲᠡᠬᠡᠭᠰᠢ ᠮᠠᠯ ᠵᠠᠷᠤᠴᠠᠭᠤᠯᠵᠤ᠂ ᠡᠬᠦᠯᠳᠡᠷ ᠰᠠᠶᠢᠵᠢᠷᠠᠭᠤᠯᠤᠭᠰᠡᠨ ᠨᠤᠷᠮ᠎ᠠ ᠶᠢ 2010 ᠣᠨ ᠤ 97 %᠎ ᠠᠴᠠ ᠲᠡᠬᠡᠭᠰᠢᠯᠡᠬᠦᠯᠤᠬᠡᠳ 99.1%᠎ ᠳᠤ ᠬᠦᠷᠭᠡᠨ᠂ ᠬᠦᠨᠳᠦ ᠶᠡᠭᠡ ᠬᠢᠵᠢᠭ ᠡᠪᠡᠳᠴᠢᠨ ᠡᠬᠦᠰᠦᠭᠰᠡᠨ ᠦᠭᠡᠢ᠃ ᠮᠠᠯᠴᠢᠳ ᠤᠨ ᠲᠣᠰᠬᠠᠶᠢᠵᠢᠭᠰᠠᠨ ᠬᠤᠷᠰᠢᠶᠠᠵᠢᠯ 226 ᠎ ᠳᠤ ᠬᠦᠷᠴᠦ᠂ ᠠᠪᠠᠭ᠎ᠠ ᠬᠠᠷ᠎ᠠ ᠠᠳᠣᠭᠤ᠂ ᠴᠡᠭᠡ᠂ ᠤᠷᠢᠶᠠᠩᠬᠠᠢ ᠬᠤᠨᠢ ᠨᠢ ᠤᠯᠤᠰ ᠤᠨ ᠣᠷᠣᠨ ᠨᠣᠳᠤᠭ ᠤᠨ ᠣᠨᠴᠠᠯᠢᠭᠳᠣ ᠲᠠᠸᠡᠷ ᠤᠨ ᠲᠡᠮᠳᠡᠭ ᠢᠶᠠᠷ ᠲᠠᠩᠰᠠᠯᠠᠭᠳᠠᠵᠦ᠂ ᠬᠤᠨᠢᠨ ᠤ ᠮᠢᠬ᠎ᠠ ᠶᠢ ᠠᠵᠤ ᠦᠢᠯᠡᠰ ᠤᠨ ᠬᠡᠯᠬᠢᠶᠠᠵᠢᠯ ᠎ ᠤᠨ ᠪᠦᠬᠦ ᠶᠠᠪᠤᠴᠠ ᠳᠤ ᠮᠦᠷᠳᠡᠨ ᠪᠠᠶᠢᠴᠠᠭᠠᠬᠤ ᠶᠢ ᠡᠬᠢᠯᠡᠬᠦᠯᠪᠡ᠃ 2015 ᠣᠨ ᠳᠤ ᠨᠢᠭᠡᠳᠦᠭᠡᠷ ᠠᠵᠣ ᠦᠢᠯᠡᠰ ᠎ ᠤᠨ ᠨᠡᠮᠡᠭᠳᠡᠯ ᠦᠷᠳᠡᠭ ᠨᠢ 2010 ᠣᠨ ᠤ ᠬᠢ ᠠᠴᠠ 3.9 ᠳ᠋ᠦᠩᠰᠢᠭᠤᠷ ᠲᠦᠬᠦᠷᠢᠭ ᠨᠡᠮᠡᠭᠳᠡᠵᠦ᠂ 8 ᠳ᠋ᠦᠩᠰᠢᠭᠤᠷ ᠲᠦᠬᠦᠷᠢᠭ ᠬᠦᠷᠪᠡ᠃ ᠠᠵᠤ ᠦᠢᠯᠡᠳᠪᠤᠷᠢ ᠶᠢᠨ ᠠᠵᠣ ᠠᠬᠤᠢ ᠶᠢᠨ ᠨᠡᠮᠡᠭᠳᠡᠯ ᠢᠶᠠᠨ ᠪᠠᠳᠣᠯᠠᠵᠣ᠂ ᠬᠦᠢᠳᠡᠡᠰᠢᠯᠢ ᠶᠢᠨ ᠰᠠᠯᠬᠢᠨ ᠴᠠᠬᠢᠯᠭᠠᠨ ᠤ ᠮᠠᠰᠢᠨ ᠴᠣᠭᠴᠠᠯᠠᠪᠣᠷᠢ ᠶᠢᠨ ᠬᠡᠮᠵᠢᠶ᠎ᠡ ᠨᠢ ᠨᠡᠶᠢᠳᠡ 90 ᠲᠦᠮᠡᠨ ᠺᠢᠯᠣᠸᠠᠲ ᠲᠤ ᠬᠦᠷᠴᠦ᠂ ᠶᠢᠨ ᠳ᠋ᠢ ᠵᠠᠰ ᠮᠤᠯᠢᠪᠳᠧᠨ ᠤ ᠠᠭᠤᠷᠬᠠᠢ ᠪᠠ ᠵᠢᠢ ᠳ᠋ᠦᠡᠭ ᠱᠦᠢᠨᠢ ᠵᠡᠷᠬᠡ ᠨᠢᠬᠡ ᠪᠦᠯᠦᠭ ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ ᠲᠦᠷᠥᠯ ᠵᠥᠢᠯ ᠠᠰᠢᠭᠯᠠᠯᠳᠠ ᠳᠤ ᠤᠷᠤᠵᠦ᠂ ᠮᠣᠯᠢᠪᠳᠧᠨ ᠤ ᠨᠠᠷᠢᠯᠢᠭ ᠨᠣᠨᠳᠠᠭ ᠪᠠ ᠱᠦᠢᠨᠢ ᠦᠢᠯᠡᠳᠪᠦᠷᠢᠯᠡᠬᠦ ᠴᠢᠳᠠᠪᠬᠢ ᠨᠢ ᠵᠢᠯ ᠤᠨ 4000 ᠲᠣᠨ ᠪᠠ 130 ᠲᠦᠮᠡᠨ ᠲᠣᠨ ᠎ ᠳᠤ ᠬᠦᠷᠪᠡ᠃ ᠲᠠᠷᠬᠠᠨ ᠺᠣᠮᠫᠠᠨᠢ ᠶᠢᠨ ᠵᠢᠯ ᠳᠤ 30 ᠲᠦᠮᠡᠨ ᠬᠤᠨᠢᠴᠢᠯᠠᠭᠰᠠᠨ ᠨᠢᠭᠡᠴᠢ ᠡᠳ᠋ᠰᠢᠬᠦᠯᠬᠦ ᠲᠦᠷᠦᠯ ᠵᠦᠢᠯ ᠢ ᠠᠰᠢᠭᠯᠠᠯᠳᠠ ᠳᠤ ᠣᠷᠣᠭᠤᠯᠣᠨ᠂ ᠣᠯᠠᠭᠠᠨ ᠢᠳᠡᠭᠡᠨ ᠡᠳ᠋ᠰᠢᠬᠦᠯᠬᠦ ᠴᠢᠳᠠᠪᠣᠷᠢ ᠨᠢ 65 ᠲᠦᠮᠡᠨ ᠬᠤᠨᠢᠴᠢᠯᠠᠭᠰᠠᠨ ᠨᠢᠭᠡᠴᠢ ᠳᠤ ᠬᠦᠷᠪᠡ᠃ ᠰᠢᠯᠢ ᠶᠢᠨ ᠭᠤᠣᠯ ᠠᠶᠢᠮᠠᠭ ᠠᠴᠠ ᠱᠠᠡᠳᠦ᠋ᠡᠭ ᠮᠣᠵᠢ ᠬᠦᠷᠬᠦ ᠦᠡᠳᠤᠷ ᠬᠦᠴᠤᠳᠠᠯᠳᠤ ᠴᠠᠬᠢᠯᠭᠠᠨ ᠲᠠᠮᠵᠢᠭᠤᠯᠬᠤ ᠱᠤᠭᠤᠮ ᠲᠠᠢ ᠢᠵᠢ ᠪᠦᠷᠢᠳᠦᠭᠰᠡᠨ ᠴᠠᠭᠠᠠᠨᠠᠭᠤᠷ ᠤᠨ ᠨᠡᠬᠦᠷᠡᠰᠤ ᠴᠠᠬᠢᠯᠭᠠᠨ ᠎ ᠢ ᠨᠢᠬᠡ ᠴᠤᠭᠴᠠᠵᠢᠭᠤᠯᠤᠭᠰᠡᠨ ᠲᠦᠷᠥᠯ ᠵᠥᠢᠯ ᠢ ᠡᠬᠢᠯᠡᠬᠦᠯᠵᠤ᠂ 480 ᠲᠦᠮᠡᠨ ᠲᠤᠨ ᠠᠴᠠ ᠲᠡᠬᠡᠭᠰᠢᠬᠢ ᠨᠠᠬᠦᠷᠡᠰᠤ ᠶᠢ ᠲᠣᠬᠠᠢ ᠶᠢᠨ ᠭᠠᠵᠠᠷ ᠲᠠᠭᠠᠨ ᠠᠰᠢᠭᠯᠠᠨ᠂ ᠬᠦᠢᠳᠡᠡᠰᠢᠯᠢ᠂ ᠪᠡᠯᠬᠦᠳᠡᠢ ᠰᠠᠯᠬᠢᠨ ᠴᠠᠬᠢᠯᠭᠠᠨ ᠤ ᠰᠠᠭᠤᠷᠢᠨ ᠭᠠᠵᠡᠷ ᠤᠨ ᠴᠢᠳᠠᠪᠬᠢ ᠶᠢ ᠪᠦᠬᠦ ᠲᠠᠯ᠎ᠠ ᠪᠠᠷ ᠪᠠᠳᠠᠷᠠᠭᠤᠯᠤᠨ᠂ ᠪᠦᠬᠦ ᠠᠶᠢᠮᠠᠭ ᠤᠨ ᠮᠢᠩᠭᠠᠨ ᠲᠦᠮᠡᠨ ᠺᠢᠯᠤᠸᠠᠲ ᠤᠨ ᠲᠡᠰ ᠤᠨ ᠴᠠᠪᠡᠷ ᠡᠨᠧᠷᠬᠢ ᠭᠠᠷᠭᠠᠬᠤ ᠰᠠᠭᠤᠷᠢᠨ ᠭᠠᠵᠡᠷ ᠢ ᠴᠤᠭᠴᠠᠯᠠᠨ ᠪᠠᠶᠢᠭᠤᠯᠬᠤ ᠳᠤ ᠪᠠᠳᠤ ᠪᠠᠬᠢ ᠰᠠᠭᠤᠷᠢ ᠲᠠᠯᠪᠢᠪᠠ᠃ ᠬᠡᠪᠴᠢᠶᠡᠨ ᠠᠴᠠ ᠲᠡᠭᠡᠭᠰᠢᠬᠢ ᠠᠵᠣ ᠠᠬᠤᠶᠢᠯᠠᠯ 24᠎ ᠠᠴᠠ ᠨᠡᠮᠡᠭᠳᠡᠭᠡᠳ 31 ᠪᠣᠯᠵᠣ ᠂ ᠬᠤᠶᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ 2010 ᠣᠨ ᠤ ᠬᠢ ᠠᠴᠠ 24.7 ᠳ᠋ᠦᠩᠰᠢᠭᠤᠷ ᠲᠦᠬᠦᠷᠢᠭ ᠨᠡᠮᠡᠭᠳᠠᠵᠣ᠂ 49.7 ᠳ᠋ᠦᠩᠰᠢᠭᠤᠷ ᠲᠦᠬᠦᠷᠢᠭ ᠲᠤ ᠬᠦᠷᠪᠡ᠃ ᠭᠤᠷᠪᠠᠳᠣᠭᠠᠷ ᠠᠵᠣ ᠦᠢᠯᠡᠰ ᠢ ᠬᠦᠭᠵᠢᠬᠦᠯᠦᠨ᠂ ᠬᠤᠩᠭᠤᠷᠭᠤᠣᠯ ᠦᠵᠡᠮᠵᠢ ᠶᠢᠨ ᠣᠷᠣᠨ ᠤ ᠪᠦᠳᠦᠭᠡᠨ ᠪᠠᠶᠢᠭᠤᠯᠣᠯᠳᠠ ᠶᠢ ᠡᠬᠢᠯᠡᠬᠦᠯᠵᠦ᠂ ︽ᠮᠠᠯᠴᠢᠨ ᠠᠶᠢᠯ︾ ᠵᠣᠭᠠᠴᠠᠯ ᠤᠨ ᠴᠡᠭ ᠢ 75᠎ ᠳᠤ ᠬᠦᠷᠭᠡᠨ᠂ ᠴᠢᠩᠬᠢᠰ ᠪᠣᠭᠳᠠ ᠠᠭᠤᠯᠠ ᠶᠢᠨ ᠲᠠᠬᠢᠯᠭ᠎ᠠ᠂ ᠬᠠᠷ᠎ᠠ ᠠᠳᠣᠭᠤᠨ ᠰᠣᠶᠣᠯ ᠤᠨ ᠨᠠᠶᠢᠷ ᠵᠡᠷᠭᠡ ᠰᠣᠶᠣᠯ ᠵᠣᠭᠠᠴᠠᠯ ᠤᠨ ᠠᠵᠢᠯᠯᠠᠭᠠᠨ ᠤ ᠨᠡᠷ᠎ᠡ ᠠᠯᠳᠠᠷᠰᠢᠯ ᠣᠯᠠᠮ ᠦᠷᠭᠡᠳᠴᠦ᠂ 2015 ᠣᠨ ᠳᠤ 24.5 ᠲᠦᠮᠡᠨ ᠬᠦᠮᠦᠨ ᠣᠳᠠᠭ᠎ᠠ ᠵᠣᠭᠠᠴᠠᠭᠰᠠᠳ ᠢ ᠬᠦᠯᠢᠶᠡᠨ ᠵᠣᠴᠢᠯᠠᠵᠣ᠂ 1.2 ᠳ᠋ᠦᠩᠰᠢᠭᠤᠷ ᠲᠦᠬᠦᠷᠢᠭ ᠤᠨ ᠵᠣᠭᠠᠴᠠᠯ ᠤᠨ ᠣᠷᠣᠯᠭ᠎ᠠ ᠶᠢ ᠡᠬᠦᠳᠦᠨ᠂ ᠲᠣᠰ ᠲᠣᠰ 2010 ᠣᠨ ᠤ 3.1 ᠲᠠᠬᠢᠨ ᠪᠠ 12 ᠲᠠᠬᠢᠨ ᠪᠣᠯᠪᠠ᠃ ᠬᠤᠪᠢ ᠶᠢᠨ ᠡᠵᠡᠩᠨᠡᠯᠳᠡ ᠶᠢᠨ ᠠᠵᠣ ᠠᠬᠤᠢ ᠦᠳᠳᠡᠷ ᠬᠦᠭᠵᠢᠵᠦ᠂ ᠬᠤᠪᠢ ᠎ ᠶᠢᠨ ᠡᠵᠡᠩᠨᠡᠯᠳᠡ ᠶᠢᠨ ᠡᠷᠦᠭᠡ 3833᠎ ᠳᠤ ᠬᠦᠷᠴᠦ᠂ 56 ᠳ᠋ᠦᠩᠰᠢᠭᠤᠷ ᠲᠦᠬᠦᠷᠢᠭ ᠤᠨ ᠪᠡᠯᠡ ᠬᠦᠷᠦᠩᠭᠡ ᠲᠠᠩᠰᠠᠯᠠᠭᠤᠯᠣᠨ᠂ ᠠᠵᠢᠯᠯᠠᠭᠰᠠᠳ 1.2 ᠲᠦᠮᠡᠨ ᠬᠦᠮᠦᠨ ᠳᠤ ᠬᠦᠷᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠣᠭᠰᠠᠨ ᠬᠡᠮᠵᠢᠶ᠎ᠡ ᠨᠢ ᠲᠣᠮᠳᠠᠴᠢ ᠪᠠᠷ ᠵᠢᠯ ᠪᠦᠷᠢ 13%  ᠎ ᠪᠠᠷ ᠨᠡᠮᠡᠭᠳᠡᠨ᠂ 2015 ᠣᠨ ᠎ ᠳᠤ ᠭᠤᠷᠪᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ 9.8 ᠳ᠋ᠦᠩᠰᠢᠭᠤᠷ ᠲᠦᠬᠦᠷᠢᠭ ᠲᠤ ᠬᠦᠷᠴᠦ᠂ 2010 ᠣᠨ ᠬᠢ ᠠᠴᠠ 4.7 ᠳ᠋ᠦᠩᠰᠢᠭᠤᠷ ᠲᠦᠬᠦᠷᠢᠭ ᠨᠡᠮᠡᠭᠳᠡᠪᠡ᠃     ᠲᠠᠪᠣᠨ ᠵᠢᠯ ᠤᠨ ᠲᠣᠷᠰᠢ ᠰᠠᠭᠤᠷᠢ ᠲᠦᠬᠦᠭᠡᠷᠦᠮᠵᠢ ᠶᠢᠨ ᠨᠦᠬᠦᠴᠡᠯ ᠰᠠᠶᠢᠵᠢᠷᠠᠵᠦ᠂ ᠬᠦᠭᠵᠢᠯᠳᠡ ᠶᠢᠨ ᠰᠠᠭᠤᠷᠢ ᠶᠢ ᠪᠠᠳᠤᠳᠬᠠᠪᠠ᠃ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢᠨ ᠬᠢᠷᠢ ᠲᠦᠪᠰᠢᠨ ᠲᠠᠰᠣᠷᠠᠯᠳᠠ ᠦᠭᠡᠢ ᠲᠡᠭᠡᠭᠰᠢᠯᠡᠨ᠂ 20.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ︽ᠠᠷᠪᠠᠨ ᠨᠢᠭᠡᠳᠦᠭᠡᠷ ᠲᠠᠪᠣᠨ ᠵᠢᠯ︾᠎ ᠤᠨ ᠬᠢ ᠠᠴᠠ 1.41 ᠲᠠᠬᠢᠨ ᠨᠡᠮᠡᠭᠳᠡᠭᠰᠡᠨ ᠪᠠᠶᠢᠨ᠎ᠠ᠃ 16 ᠵᠤᠷᠪᠤᠰ 24.6 ᠲᠦᠮᠡᠨ ᠲᠡᠭᠰᠢ ᠲᠦᠷᠪᠡᠯᠵᠢᠨ ᠮᠧᠲᠷ ᠵᠠᠮ ᠢ ᠦᠷᠬᠡᠳᠬᠡᠨ ᠪᠠᠶᠢᠭᠤᠯᠵᠤ᠂ 53 ᠵᠤᠷᠪᠤᠰ 24.8 ᠲᠦᠮᠡᠨ ᠲᠡᠭᠰᠢ ᠲᠦᠷᠪᠡᠯᠵᠢᠨ ᠮᠧᠲᠷ ᠤᠨ ᠵᠡᠬᠡᠯᠢ ᠭᠤᠳᠤᠮᠵᠢ ᠶᠢ ᠬᠠᠳᠠᠭᠤᠵᠢᠭᠤᠯᠤᠨ᠂ 23.7 ᠺᠢᠯᠤᠮᠧᠲᠷ ᠤᠨ ᠲᠦᠬᠡᠬᠡᠯ ᠤᠰᠤ ᠬᠠᠩᠭᠠᠬᠤ ᠬᠤᠭᠤᠯᠠᠢ᠂ 23 ᠺᠢᠯᠤᠮᠧᠲᠷ ᠤᠨ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ᠂ 46.7 ᠺᠢᠯᠤᠮᠧᠲᠷ ᠤᠨ ᠲᠦᠪᠯᠡᠷᠡᠩᠬᠦᠢ ᠲᠤᠯᠠᠭᠠᠯᠭ᠎ᠠ ᠶᠢᠨ ᠬᠤᠭᠤᠯᠠᠢ ᠶᠢ ᠰᠢᠨ᠎ᠠ ᠪᠠᠷ ᠤᠭᠰᠠᠷᠠᠭᠰᠡᠨ ᠪᠠ ᠵᠠᠰᠠᠨ ᠰᠠᠶᠢᠵᠢᠷᠠᠭᠤᠯᠵᠤ᠂ ᠰᠢᠨ᠎ᠠ ᠎ ᠪᠠᠷ 970 ᠢᠵᠢ ᠪᠠᠳᠤᠯᠠᠭ᠎ᠠ ᠶᠢᠨ ᠴᠢᠨᠠᠷᠳᠡᠢ ᠤᠷᠤᠨ ᠰᠠᠭᠤᠴᠠ ᠪᠠᠷᠢᠵᠤ᠂ 41 ᠰᠠᠭᠤᠷᠢ ᠠᠰᠠᠷ ᠢ ᠡᠨᠧᠷᠬᠢ ᠠᠷᠪᠢᠯᠠᠬᠤ ᠪᠠᠷ ᠦᠭᠡᠷᠡᠴᠢᠯᠡᠨ᠂ ᠪᠤᠬᠢᠷ ᠤᠰᠤ ᠪᠠ ᠬᠤᠭ ᠨᠤᠪᠰᠢ ᠰᠢᠢᠳᠪᠤᠷᠢᠯᠡᠬᠦ ᠦᠢᠯᠡᠳᠪᠤᠷᠢ ᠶᠢ ᠠᠰᠢᠭᠯᠠᠯᠳᠠ ᠎ ᠳᠤ ᠣᠷᠣᠭᠤᠯᠣᠨ᠂ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠬᠤᠰᠢᠭᠤ ᠶᠢ ᠠᠮᠵᠢᠯᠳᠠ ᠲᠠᠢ ᠴᠤᠭᠴᠠᠯᠠᠵᠤ᠂ ᠬᠤᠳᠠ ᠪᠠᠯᠭᠠᠰᠤᠨ ᠤ ᠲᠦᠷᠢ ᠲᠦᠷᠬᠦ ᠪᠠ ᠤᠷᠤᠰᠢᠨ ᠰᠠᠭᠤᠬᠤ ᠨᠦᠬᠦᠴᠡᠯ ᠤᠯᠠᠮ ᠰᠠᠶᠢᠵᠢᠷᠠᠪᠠ᠃ ᠰᠢᠨ᠎ᠠ ᠮᠠᠯᠵᠢᠬᠤ ᠤᠷᠤᠨ ᠤ ᠪᠦᠳᠤᠬᠡᠨ ᠪᠠᠶᠢᠭᠤᠯᠤᠯᠳᠠ ᠶᠢᠨ ᠠᠯᠬᠤᠴᠠ ᠶᠢ ᠲᠦᠷᠬᠡᠳᠬᠡᠨ᠂ 4.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ︽ᠠᠷᠪᠠ ᠶᠢ ᠪᠦᠷᠬᠦᠬᠦᠯᠬᠦ︾ ᠢᠡᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 215 ᠰᠢᠨ᠎ᠡ ᠰᠠᠭᠤᠷᠢᠰᠢᠯ ᠪᠠᠷᠢᠵᠣ᠂ 500 ᠰᠠᠭᠤᠷᠢ ᠭᠡᠷ ᠪᠠᠶᠢᠰᠢᠩ ᠢ ᠵᠠᠰᠠᠵᠣ᠂ 2312 ᠡᠷᠦᠭᠡ ᠎ ᠶᠢᠨ ᠭᠡᠷ ᠪᠠᠶᠢᠰᠢᠩ ᠢ ᠡᠨᠧᠷᠬᠢ ᠠᠷᠪᠢᠯᠠᠬᠤ ᠪᠠᠷ ᠦᠭᠡᠷᠡᠴᠢᠯᠡᠨ᠂ 550 ᠬᠤᠳᠳᠤᠭ ᠮᠠᠯᠳᠠᠵᠣ᠂ 708 ᠤᠰᠤ ᠬᠠᠳᠠᠭᠠᠯᠠᠬᠤ ᠵᠣᠭᠤᠷᠢ ᠪᠠᠷᠢᠨ᠂ 186 ᠮᠠᠯᠵᠢᠬᠤ ᠡᠷᠦᠭᠡ ᠳᠤ ᠴᠠᠬᠢᠯᠭᠠᠨ ᠨᠡᠪᠳᠡᠷᠡᠬᠦᠯᠵᠦ᠂ 5143 ᠢᠵᠢ ᠨᠠᠷᠠ ᠰᠠᠯᠬᠢᠨ ᠢ ᠬᠠᠪᠰᠣᠷᠭᠠᠭᠰᠠᠨ ᠲᠦᠬᠦᠭᠡᠷᠦᠮᠵᠢ ᠶᠢ ᠲᠡᠰ ᠲᠡᠪᠰᠢᠬᠦᠯᠪᠡ︔ 83 ᠺᠢᠯᠣᠮᠧᠲᠷ ᠵᠡᠭᠡᠯᠢ ᠭᠤᠳᠣᠮᠵᠢ ᠶᠢ ᠬᠠᠳᠠᠭᠤᠵᠢᠭᠤᠯᠣᠨ᠂ 3 ᠰᠠᠭᠤᠷᠢ ᠲᠣᠯᠬᠢᠶᠠᠨ ᠲᠠᠮᠵᠢᠭᠤᠯᠬᠤ ᠦᠷᠳᠡᠭᠡ ᠪᠠᠶᠢᠭᠤᠯᠵᠣ᠂ 5600 ᠢᠵᠢ ︽ᠡᠷᠦᠭᠡ ᠪᠣᠯᠭᠠᠨ ᠳᠤ ᠨᠡᠪᠳᠡᠷᠡᠬᠦᠯᠬᠦ︾ ᠲᠦᠬᠦᠭᠡᠷᠦᠮᠵᠢ ᠶᠢ ᠲᠠᠷᠬᠠᠭᠠᠪᠠ︔ ᠭᠠᠴᠠᠭᠠᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ 24᠎ ᠶᠢ ᠪᠠᠷᠢᠵᠣ᠂ ᠰᠣᠮᠣ ᠪᠠᠯᠭᠠᠰᠣᠨ ᠳᠤ 2 ᠬᠡᠦᠭᠡᠳ ᠤᠨ ᠴᠡᠴᠡᠷᠯᠢᠭ ᠪᠠᠶᠢᠭᠤᠯᠣᠨ᠂ ᠠᠷᠠᠳ ᠲᠤ ᠲᠦᠬᠦᠮ ᠦᠵᠡᠬᠦᠯᠬᠦ ᠴᠢᠯᠦᠭᠡᠳᠦ ᠲᠡᠯᠭᠡᠬᠦᠷ 3᠎ ᠶᠢ ᠪᠠᠶᠢᠭᠤᠯᠵᠣ᠂ 71 ᠭᠠᠴᠠᠭᠠᠨ ᠤ ᠰᠣᠶᠣᠯ ᠤᠨ ᠦᠷᠳᠡᠭᠡ ᠳᠤ ᠲᠣᠨᠤᠭ ᠲᠦᠬᠦᠭᠡᠷᠦᠮᠵᠢ ᠲᠣᠬᠢᠷᠠᠭᠤᠯᠵᠣ ᠦᠭᠪᠡ︔ 1560 ᠰᠠᠭᠤᠷᠢ 11.7 ᠲᠦᠮᠡᠨ ᠲᠡᠭᠰᠢ ᠲᠦᠷᠪᠡᠯᠵᠢᠨ ᠮᠧᠲᠷ ᠤᠨ ᠨᠣᠷᠠᠬᠤ ᠠᠶᠣᠯᠳᠠᠢ ᠭᠡᠷ ᠪᠠᠶᠢᠰᠢᠩ ᠢ ᠨᠤᠷᠠᠭᠠᠵᠦ ᠴᠡᠪᠡᠷᠯᠡᠪᠡ᠃ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠢ ᠲᠠᠰᠤᠷᠠᠯᠳᠠ ᠦᠭᠡᠢ ᠰᠠᠶᠢᠵᠢᠷᠠᠭᠤᠯᠤᠨ᠂ 1.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠪᠠ᠂ 1 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ ᠭᠠᠵᠠᠷ ᠰᠢᠷᠣᠢ ᠣᠷᠴᠢᠨ ᠲᠣᠭᠤᠷᠢᠨ ᠢ ᠵᠠᠰᠠᠨ ᠰᠡᠷᠬᠦᠭᠡᠪᠡ᠂ 4.5 ᠳ᠋ᠦᠩᠰᠢᠭᠤᠷ ᠲᠦᠬᠦᠷᠢᠭ ᠤᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠤᠷᠢ᠂ 8500 ᠲᠦᠮᠡᠨ ᠲᠦᠬᠦᠷᠢᠭ ᠤᠨ ᠨᠠᠶᠢᠳᠠ ᠶᠢᠨ ᠠᠰᠢᠭᠳᠤ ᠤᠢ ᠶᠢᠨ ᠨᠦᠬᠦᠪᠤᠷᠢ ᠲᠠᠷᠬᠠᠭᠠᠵᠣ᠂ ᠤᠷᠭᠤᠮᠠᠯ ᠤᠨ ᠪᠦᠷᠬᠦᠴᠠ ᠶᠢᠨ ᠬᠡᠮᠵᠢᠶ᠎ᠠ ᠨᠢ 2010 ᠤᠨ ᠤ 45.6%᠎ ᠠᠴᠠ ᠲᠡᠭᠡᠭᠰᠢᠯᠡᠬᠦᠯᠦᠭᠡᠳ 54.9%᠎ ᠳᠤ ᠬᠦᠷᠪᠡ᠃ 7142 ᠲᠦᠮᠡᠨ ᠲᠦᠬᠦᠷᠢᠭ ᠎ ᠤᠨ ᠪᠡᠯᠡ ᠤᠷᠤᠭᠤᠯᠤᠨ᠂ 1065 ᠬᠤᠳᠳᠤᠭ ᠮᠠᠯᠳᠠᠵᠣ᠂ 1.1 ᠲᠦᠮᠡᠨ ᠬᠦᠮᠤᠨ᠂ 78 ᠲᠦᠮᠡᠨ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠪᠡ᠃ 3.5 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ᠂ 353 ᠺᠢᠯᠤᠮᠧᠲᠷ ᠤᠨ ᠴᠠᠬᠢᠯᠭᠠᠨ ᠱᠤᠭᠤᠮ ᠲᠠᠳᠠᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠪᠠ ᠠᠵᠣ ᠦᠢᠯᠡᠳᠪᠦᠷᠢ ᠳᠤ ᠭᠡᠷᠡᠭᠰᠡᠬᠦ ᠴᠠᠬᠢᠯᠭᠠᠨ ᠤ ᠬᠡᠷᠡᠭᠯᠡᠭᠡ ᠶᠢ ᠪᠠᠳᠣᠯᠠᠪᠠ᠃ 1.5 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ᠂ 391 ᠺᠢᠯᠤᠮᠧᠲᠷ ᠤᠨ ᠭᠠᠴᠠᠭᠠᠨ ᠳᠤ ᠨᠠᠪᠳᠠᠷᠡᠬᠦ ᠬᠠᠶᠢᠷ ᠴᠢᠯᠠᠭᠤᠨ ᠵᠠᠮ ᠢ ᠲᠤᠰᠤᠨ ᠵᠠᠮ ᠪᠤᠯᠭᠠᠨ ᠂ ᠵᠠᠮ ᠬᠠᠷᠢᠯᠴᠠᠭᠠᠨ ᠤ ᠨᠦᠬᠦᠴᠡᠯ ᠢ ᠰᠠᠶᠢᠵᠢᠷᠠᠭᠤᠯᠪᠠ᠃     ᠲᠠᠪᠣᠨ ᠵᠢᠯ ᠤᠨ ᠲᠣᠷᠰᠢ ᠠᠷᠭ᠎ᠠ ᠵᠠᠮ ᠰᠦᠪᠡᠭᠴᠢᠯᠡᠨ᠂ ᠦᠬᠡᠷᠡᠴᠢᠯᠡᠯᠳᠡ ᠨᠡᠬᠡᠬᠡᠯᠳᠡ ᠶᠢ ᠲᠦᠷᠭᠡᠳᠭᠡᠨ ᠠᠬᠢᠭᠤᠯᠪᠠ᠃ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ᠂ ᠵᠠᠰᠠᠭ ᠤᠨ ᠣᠷᠳᠣᠨ ᠤ ᠴᠢᠳᠠᠪᠬᠢ ᠶᠢ ᠬᠤᠪᠢᠷᠠᠭᠤᠯᠣᠨ᠂ ᠪᠡᠯᠡ ᠣᠷᠣᠭᠤᠯᠣᠯᠳᠠ ᠶᠢᠨ ᠬᠢᠨᠠᠨ ᠵᠦᠪᠰᠢᠶᠡᠷᠡᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠠᠵᠣ ᠠᠬᠤᠶᠢᠯᠠᠯ ᠤᠨ ᠬᠢᠨᠠᠨ ᠵᠦᠪᠰᠢᠶᠡᠷᠡᠵᠦ ᠲᠠᠩᠰᠠᠯᠠᠬᠤ ᠬᠦᠷᠢᠶ᠎ᠡ ᠬᠡᠪᠴᠢᠶᠡᠨ ᠳᠤ ᠲᠣᠬᠢᠷᠠᠭᠤᠯᠣᠯᠳᠠ ᠬᠢᠵᠦ᠂ ᠠᠵᠢᠯ ᠲᠦᠷᠦᠯ ᠳᠤ ᠬᠠᠨᠳᠣᠭᠤᠯᠣᠭᠰᠠᠨ ᠢᠯᠭᠠᠭ᠎ᠠ ᠲᠠᠢ ᠲᠦᠷᠦ ᠶᠢᠨ ᠪᠣᠳᠣᠯᠭ᠎ᠠ ᠶᠢ ᠬᠡᠷᠡᠭᠵᠢᠬᠦᠯᠪᠡ᠃ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠴᠠᠭ ᠲᠣᠬᠠᠢ ᠳᠤᠨᠢ ᠪᠡᠶᠡᠯᠡᠬᠦᠯᠵᠦ᠂ ᠪᠠᠶᠢᠭᠤᠯᠭ᠎ᠠ ᠶᠢ ᠴᠣᠮᠬᠠᠳᠬᠠᠨ ᠡᠬᠦᠷᠭᠡ ᠴᠢᠳᠠᠪᠬᠢ ᠪᠠᠨ ᠲᠤᠳᠤᠷᠬᠠᠶᠢᠯᠠᠭᠰᠠᠨ ᠤ ᠬᠠᠮᠳᠣ ᠣᠳᠣᠷᠢᠳᠣᠯᠭ᠎ᠠ ᠶᠢᠨ ᠲᠣᠰᠢᠶᠠᠯ ᠤᠨ ᠣᠷᠣᠨ ᠲᠤᠭ᠎ᠠ ᠪᠠ ᠠᠵᠢᠯᠳᠠᠳ ᠤᠨ ᠣᠷᠣᠨ ᠲᠤᠭ᠎ᠠ ᠶᠢ ᠲᠣᠳᠣᠷᠬᠠᠶᠢᠯᠠᠪᠠ᠃ ᠠᠵᠢᠯ ᠦᠢᠯᠡᠰ ᠤᠨ ᠪᠠᠶᠢᠭᠤᠯᠭ᠎ᠠ ᠳᠤ ᠲᠦᠷᠦᠯ ᠬᠤᠪᠢᠶᠠᠨ ᠦᠭᠡᠷᠡᠴᠢᠯᠡᠯᠳᠡ ᠬᠢᠬᠦ ᠶᠢ ᠠᠬᠢᠭᠤᠯᠣᠨ᠂ ᠰᠣᠶᠣᠯ ᠰᠣᠷᠭᠠᠨ ᠬᠦᠮᠦᠵᠢᠯ᠂ ᠡᠷᠡᠬᠦᠯ ᠬᠠᠮᠠᠭᠠᠯᠠᠯ ᠤᠨ ᠰᠢᠰᠲ᠋ᠧᠮ ᠤᠨ ᠠᠵᠢᠯ ᠦᠢᠯᠡᠰ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠲᠡᠰ ᠢ ᠦᠭᠡᠶᠢᠰᠭᠡᠵᠦ᠂ ᠠᠵᠢᠯ ᠤᠨ ᠪᠦᠳᠦᠮᠵᠢ ᠪᠠᠷ ᠴᠠᠯᠢᠩ ᠣᠯᠭᠤᠬᠤ ᠲᠦᠷᠢᠮ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠡᠷᠡᠭᠵᠢᠬᠦᠯᠪᠡ᠃ ᠣᠳᠣ ᠦᠶ᠎ᠡ ᠶᠢᠨ ᠵᠠᠬ᠎ᠠ ᠲᠡᠯᠭᠡᠬᠦᠷ ᠤᠨ ᠵᠣᠬᠢᠴᠠᠮᠵᠢ ᠶᠢ ᠲᠦᠷᠭᠡᠭᠡᠨ ᠪᠦᠷᠢᠨᠰᠢᠬᠦᠯᠵᠦ᠂ ᠵᠠᠬ᠎ᠠ ᠲᠡᠯᠭᠡᠬᠦᠷᠵᠢᠯᠳᠡ ᠶᠢᠨ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠣᠨ᠂ ᠡᠷᠭᠡ ᠶᠢ ᠴᠣᠮᠬᠠᠳᠬᠠᠨ ᠡᠷᠴᠢᠮ ᠢᠶᠠᠨ ᠴᠢᠩᠭᠠᠷᠠᠭᠤᠯᠵᠣ᠂ ᠦᠢᠯᠡᠳᠪᠦᠷᠢ ᠬᠤᠳᠠᠯᠳᠣᠭᠠᠨ ᠤ ᠲᠠᠩᠰᠠᠯᠠᠬᠤ ᠲᠦᠷᠢᠮ ᠎ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠪᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠵᠣᠬᠢᠴᠠᠮᠵᠢ ᠶᠢᠨ ᠦᠭᠡᠷᠡᠴᠢᠯᠡᠯᠳᠡ ᠶᠢ ᠪᠦᠬᠦ ᠲᠠᠯ᠎ᠠ ᠶᠢ ᠠᠬᠢᠭᠤᠯᠪᠠ᠃ ᠬᠠᠮᠳᠣ ᠶᠢᠨ ᠣᠢ ᠶᠢᠨ ᠲᠦᠷᠢᠮ ᠤᠨ ᠦᠭᠡᠷᠡᠴᠢᠯᠡᠯᠳᠡ ᠪᠣᠳᠠᠳᠣ ᠦᠷ᠎ᠡ ᠪᠦᠳᠦᠮᠵᠢ ᠣᠯᠵᠣ᠂ ᠨᠣᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠲᠣᠳᠣᠷᠬᠠᠶᠢᠯᠠᠨ ᠲᠠᠩᠰᠠᠯᠠᠵᠣ ᠦᠨᠡᠮᠯᠡᠯ ᠲᠠᠷᠬᠠᠭᠠᠬᠤ ᠠᠵᠢᠯ ᠢ ᠠᠬᠢᠭᠤᠯᠪᠠ᠃ ᠣᠯᠣᠰ ᠤᠨ ︽ᠨᠢᠭᠡ ᠪᠦᠰᠡ ᠨᠢᠭᠡ ᠵᠠᠮ︾᠂ ᠣᠮᠠᠷᠠᠰᠢ ᠨᠡᠭᠡᠭᠡᠨ ᠬᠦᠭᠵᠢᠬᠦᠯᠬᠦ ᠵᠡᠷᠭᠡ ᠪᠠᠶᠢᠯᠳᠣᠬᠤ ᠪᠣᠳᠣᠯᠭ᠎ᠠ ᠲᠠᠢ ᠣᠶᠠᠯᠳᠣᠭᠤᠯᠣᠨ᠂ ᠨᠠᠷᠠᠨᠪᠣᠯᠠᠭ ᠤᠨ ᠣᠯᠠᠷᠢᠯ ᠎ ᠤᠨ ᠴᠢᠨᠠᠷᠳᠠᠢ ᠪᠣᠭᠤᠮᠳᠠ ᠶᠢᠨ ᠶᠡᠷᠦᠩᠬᠡᠢ ᠲᠦᠯᠦᠪᠵᠢᠬᠦᠯᠭᠡ ᠬᠢᠭᠡᠳ ᠬᠡᠷᠡᠭᠵᠢᠬᠦᠯᠵᠦ ᠪᠤᠯᠬᠤ ᠰᠣᠳᠣᠯᠭᠠᠨ ᠤ ᠮᠡᠳᠡᠬᠦᠯᠦᠯᠳᠡ ᠶᠢ ᠶᠠᠭ ᠨᠠᠶᠢᠷᠠᠭᠤᠯᠵᠣ ᠪᠠᠶᠢᠨ᠎ᠠ᠃ ᠠᠷᠠᠯᠵᠢᠶᠠᠴᠢᠨ ᠣᠷᠢᠵᠣ ᠪᠡᠯᠡ ᠲᠠᠳᠠᠬᠤ ᠠᠵᠢᠯ ᠢ ᠲᠠᠰᠣᠷᠠᠯᠳᠠ ᠦᠭᠡᠢ ᠴᠢᠩᠭᠠᠳᠬᠠᠨ᠂ ᠬᠦᠭᠵᠢᠭᠰᠡᠨ ᠭᠠᠵᠠᠷ ᠣᠷᠣᠨ ᠤ ᠠᠵᠣ ᠦᠢᠯᠡᠰ ᠤᠨ ᠰᠢᠯᠵᠢᠯᠳᠡ ᠲᠠᠢ ᠢᠳᠡᠪᠬᠢᠳᠡᠢ ᠵᠣᠯᠭᠠᠭᠤᠯᠣᠨ᠂ ᠠᠵᠣ ᠠᠬᠤᠢ ᠶᠢᠨ ᠬᠠᠮᠳᠣᠷᠠᠯᠴᠠᠭᠠᠨ ᠤ ᠣᠷᠣᠨ ᠵᠠᠢ ᠪᠠ ᠬᠦᠷᠢᠶ᠎ᠡ ᠬᠡᠪᠴᠢᠶ᠎ᠡ ᠶᠢ ᠣᠯᠠᠮ ᠦᠷᠭᠡᠳᠭᠡᠨ᠂ ᠲᠠᠪᠣᠨ ᠵᠢᠯ ᠳᠤ ᠨᠡᠶᠢᠳᠡ 173 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠲᠠᠳᠠᠨ ᠣᠷᠣᠭᠤᠯᠵᠣ ᠂ ᠠᠵᠣ ᠠᠬᠤᠢ ᠶᠢᠨ ᠬᠦᠭᠵᠢᠯᠳᠡ ᠳᠤ ᠬᠦᠴᠦᠷᠭᠡᠭ ᠶᠡᠭᠡ ᠬᠦᠳᠡᠯᠭᠡᠭᠴᠢ ᠬᠦᠴᠦᠨ ᠢ ᠬᠠᠩᠭᠠᠪᠠ᠃     ᠲᠠᠪᠣᠨ ᠵᠢᠯ ᠤᠨ ᠲᠣᠷᠰᠢ ᠠᠷᠠᠳ ᠤᠨ ᠠᠮᠢᠳᠤᠷᠡᠯ ᠤᠨ ᠬᠢᠷᠢ ᠲᠦᠪᠰᠢᠨ ᠢ ᠰᠠᠶᠢᠵᠢᠷᠠᠭᠤᠯᠵᠦ᠂ ᠠᠷᠠᠳ ᠲᠤ ᠦᠨᠡᠨᠬᠦ ᠠᠰᠢᠭ ᠬᠦᠷᠳᠡᠭᠡᠪᠡ᠃ ︽ᠠᠷᠪᠠᠨ ᠬᠤᠶᠠᠳᠣᠭᠠᠷ ᠲᠠᠪᠣᠨ ᠵᠢᠯ︾᠎ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠬᠤᠰᠢᠭᠤ ᠡᠳ᠋ ᠤᠨ ᠵᠠᠰᠠᠭ ᠠᠴᠠ ᠠᠷᠠᠳ ᠤᠨ ᠠᠮᠢᠳᠣᠷᠠᠯ ᠳᠤ ᠬᠡᠷᠡᠭᠯᠡᠭᠰᠡᠨ ᠵᠠᠷᠣᠯᠭ᠎ᠠ ᠨᠢ 24.6 ᠳ᠋ᠦᠩᠰᠢᠭᠤᠷ ᠲᠦᠬᠦᠷᠢᠭ ᠲᠤ ᠬᠦᠷᠴᠦ᠂ ᠲᠣᠮᠳᠠᠴᠢ ᠪᠠᠷ ᠵᠢᠯ ᠳᠤ 11.2%  ᠎ ᠢᠶᠠᠷ ᠨᠡᠮᠡᠭᠳᠡᠪᠡ᠃ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠢᠶᠠᠷ ᠦᠷᠨᠢᠬᠦᠯᠦᠨ᠂ ᠲᠣᠰᠬᠠᠢ ᠲᠦᠷᠦᠯ ᠢᠶᠠᠷ 5574 ᠲᠦᠮᠡᠨ ᠲᠦᠬᠦᠷᠢᠭ ᠤᠨ ᠪᠡᠯᠡ ᠣᠷᠣᠭᠤᠯᠵᠣ᠂ 1.9 ᠳ᠋ᠦᠩᠰᠢᠭᠤᠷ ᠲᠦᠬᠦᠷᠢᠭ ᠤᠨ ᠮᠦᠩᠬᠦᠨ ᠬᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢᠶᠠᠨ ᠪᠠᠶᠠᠵᠢᠭᠤᠯᠬᠤ ᠵᠢᠭᠡᠯᠡᠯᠭᠡ ᠲᠠᠷᠬᠠᠭᠠᠨ᠂ 1453 ᠡᠷᠦᠭᠡ ᠶᠢᠨ 4168 ᠬᠦᠮᠦᠨ ᠢ ᠶᠠᠳᠠᠭᠤ ᠠᠴᠠ ᠠᠩᠬᠢᠵᠢᠷᠠᠭᠤᠯᠪᠠ᠃ ᠠᠳᠠᠯ ᠪᠤᠰᠬᠠᠵᠦ ᠦᠢᠯᠡᠰ ᠡᠷᠬᠢᠯᠡᠬᠦ ᠪᠠᠶᠢᠯᠳᠣᠬᠤ ᠪᠣᠳᠣᠯᠭ᠎ᠠ ᠶᠢ ᠪᠠᠷᠢᠮᠳᠠᠯᠠᠨ᠂ 1.04 ᠳ᠋ᠦᠩᠰᠢᠭᠤᠷ ᠲᠦᠬᠦᠷᠢᠭ ᠤᠨ ᠪᠠᠭ᠎ᠠ ᠲᠣᠭᠠᠨ ᠤ ᠪᠠᠳᠣᠯᠠᠭᠠᠳᠣ ᠵᠢᠬᠡᠯᠡᠯᠬᠡ ᠲᠠᠯᠪᠢᠨ᠂ ᠬᠤᠳᠠ ᠬᠦᠳᠡᠭᠡ ᠶᠢᠨ 1.1 ᠲᠦᠮᠡᠨ ᠬᠦᠮᠦᠨ ᠣᠳᠠᠭ᠎ᠠ ᠳᠤ ᠠᠵᠢᠯ ᠤᠯᠭᠤᠵᠦ᠂ ᠬᠤᠳᠠ ᠪᠠᠯᠭᠠᠰᠣᠨ ᠤ ᠲᠠᠩᠰᠠᠯᠠᠭᠤᠯᠣᠭᠰᠠᠨ ᠠᠵᠢᠯ ᠠᠯᠳᠠᠭᠰᠠᠨ ᠨᠣᠷᠮ᠎ᠠ ᠶᠢ ᠠᠶᠢᠮᠠᠭ ᠤᠨ ᠲᠣᠮᠳᠠᠴᠢ ᠬᠢᠷᠢ ᠲᠦᠪᠰᠢᠨ ᠠᠴᠠ ᠲᠣᠣᠷ᠎ᠠ ᠪᠠᠶᠢᠯᠭᠠᠪᠠ᠃ ᠨᠡᠶᠢᠭᠡᠮ ᠤᠨ ᠪᠠᠳᠣᠯᠠᠭ᠎ᠠ ᠶᠢᠨ ᠬᠢᠷᠢ ᠲᠦᠪᠰᠢᠨ ᠲᠠᠰᠣᠷᠠᠯᠳᠠ ᠦᠭᠡᠢ ᠲᠡᠭᠡᠭᠰᠢᠯᠡᠨ᠂ ᠨᠡᠶᠢᠭᠡᠮ ᠤᠨ ᠪᠠᠳᠣᠯᠠᠭ᠎ᠠ ᠶᠢᠨ ᠲᠦᠷᠢᠮ ᠢ ᠬᠤᠳᠠ ᠬᠦᠳᠡᠭᠡ ᠎ ᠳᠤ ᠨᠡᠶᠢᠳᠡᠮ ᠪᠦᠷᠬᠦᠬᠦᠯᠬᠦ ᠶᠢ ᠪᠠᠳᠣᠯᠠᠵᠣ᠂ ᠬᠤᠳᠠ ᠬᠦᠳᠡᠭᠡ ᠶᠢᠨ ᠡᠮᠨᠡᠯᠭᠡ ᠶᠢᠨ ᠲᠠᠭᠠᠳᠬᠠᠯ ᠤᠨ ᠲᠠᠩᠰᠠ ᠴᠠᠶᠢᠷᠠᠭᠤᠯᠬᠤ ᠬᠠᠮᠤᠭ ᠦᠨᠳᠦᠷ ᠪᠠᠷᠢᠮᠵᠢᠶ᠎ᠠ ᠨᠢ 10.5 ᠲᠦᠮᠡᠨ ᠲᠦᠬᠦᠷᠢᠭ ᠪᠠ 20 ᠲᠦᠮᠡᠨ ᠲᠦᠬᠦᠷᠢᠭ ᠲᠤ ᠬᠦᠷᠴᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠣᠵᠢᠯ ᠤᠨ ᠮᠦᠩᠬᠦ ᠶᠢ ᠬᠦᠮᠦᠨ ᠪᠦᠷᠢ ︵ᠰᠠᠷ᠎ᠠ ᠪᠦᠷᠢ︶᠎ ᠶᠢᠨ 145 ᠲᠦᠬᠦᠷᠢᠭ ᠲᠤ ᠬᠦᠷᠭᠡᠵᠦ᠂ ᠬᠤᠳᠠ ᠪᠠᠯᠭᠠᠰᠣᠨ ᠤ ᠨᠠᠭᠠᠳᠣ ᠵᠠᠬ᠎ᠠ ᠶᠢᠨ ᠠᠮᠢᠳᠣᠷᠠᠯ ᠎ ᠤᠨ ᠪᠠᠳᠣᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ︵ᠰᠠᠷ᠎ᠠ ᠪᠦᠷᠢ︶᠎ ᠶᠢᠨ 575 ᠲᠦᠬᠦᠷᠢᠭ ᠪᠣᠯᠭᠠᠵᠣ᠂ ᠮᠠᠯᠵᠢᠬᠤ ᠣᠷᠣᠨ ᠤ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠪᠠᠷᠢᠮᠵᠢᠶ᠎ᠠ ᠶᠢ ᠬᠦᠮᠦᠨ ᠪᠦᠷᠢ ︵ᠵᠢᠯ ᠪᠦᠷᠢ︶᠎ ᠶᠢᠨ 4195 ᠲᠦᠬᠦᠷᠢᠭ ᠪᠣᠯᠭᠠᠨ᠂ ᠲᠠᠪᠣᠨ ᠪᠠᠳᠣᠯᠠᠭᠠᠳᠣ ᠬᠦᠮᠦᠰ ᠢ ᠲᠦᠪᠯᠡᠷᠡᠬᠦᠯᠦᠨ ᠠᠰᠠᠷᠠᠬᠤ ᠪᠠ ᠭᠡᠷ ᠵᠠᠭᠤᠷ᠎ᠠ ᠪᠠᠨ ᠠᠰᠠᠷᠠᠬᠤ ᠪᠠᠷᠢᠮᠵᠢᠶ᠎ᠠ ᠶᠢ  ᠬᠦᠮᠦᠨ ᠪᠦᠷᠢ ︵ᠵᠢᠯ ᠪᠦᠷᠢ︶᠎ ᠶᠢᠨ 11040 ᠲᠦᠬᠦᠷᠢᠭ ᠪᠠ 7200 ᠲᠦᠬᠦᠷᠢᠭ ᠪᠣᠯᠭᠠᠵᠣ᠂ ᠠᠰᠠᠷᠠᠨ ᠲᠡᠵᠢᠬᠡᠬᠦ ᠬᠦᠮᠦᠨ ᠦᠭᠡᠢ᠂ ᠠᠮᠢᠳᠣᠷᠠᠯ ᠤᠨ ᠢᠷᠡᠯᠳᠡ ᠦᠭᠡᠢ᠂ ᠬᠦᠳᠡᠯᠮᠦᠷᠢᠯᠡᠬᠦ ᠴᠢᠳᠠᠪᠣᠷᠢ ᠦᠭᠡᠢ ᠬᠦᠮᠦᠰ ᠢ ᠲᠦᠪᠯᠡᠷᠡᠬᠦᠯᠦᠨ ᠠᠰᠠᠷᠠᠬᠤ ᠪᠠ ᠭᠡᠷ ᠵᠠᠭᠤᠷ᠎ᠠ ᠪᠠᠨ ᠠᠰᠠᠷᠠᠬᠤ ᠪᠠᠷᠢᠮᠵᠢᠶ᠎ᠠ ᠶᠢ ᠬᠦᠮᠦᠨ ᠪᠦᠷᠢ ︵ᠰᠠᠷ᠎ᠠ ᠪᠦᠷᠢ︶᠎ ᠶᠢᠨ 1350 ᠲᠦᠬᠦᠷᠢᠭ ᠪᠠ 1100 ᠲᠦᠬᠦᠷᠢᠭ ᠪᠣᠯᠭᠠᠨ᠂ ᠦᠨᠦᠴᠢᠨ ᠬᠡᠦᠭᠡᠳ ᠢ ᠲᠦᠪᠯᠡᠷᠡᠬᠦᠯᠦᠨ ᠠᠰᠠᠷᠠᠬᠤ ᠪᠠ ᠭᠡᠷ ᠵᠠᠭᠤᠷ᠎ᠠ ᠶᠢᠨ ᠠᠰᠠᠷᠠᠬᠤ ᠪᠠᠷᠢᠮᠵᠢᠶ᠎ᠠ ᠶᠢ ᠬᠦᠮᠦᠨ ᠪᠦᠷᠢ ︵ᠰᠠᠷ᠎ᠠ ᠪᠦᠷᠢ︶᠎ ᠶᠢᠨ  2000 ᠲᠦᠬᠦᠷᠢᠭ ᠪᠠ 1600 ᠲᠦᠬᠦᠷᠢᠭ ᠪᠣᠯᠭᠠᠪᠠ᠃ ᠰᠣᠷᠭᠠᠨ ᠬᠦᠮᠦᠵᠢᠯ ᠤᠨ ᠠᠵᠢᠯ ᠢᠯᠡᠳᠳᠡ ᠦᠷ᠎ᠡ ᠪᠦᠳᠦᠮᠵᠢ ᠲᠠᠢ ᠪᠣᠯᠵᠣ᠂ 1.3 ᠳ᠋ᠦᠩᠰᠢᠭᠤᠷ ᠤᠨ ᠪᠡᠯᠡ ᠣᠷᠣᠭᠤᠯᠣᠨ᠂ ᠰᠣᠷᠭᠠᠭᠤᠯᠢ ᠶᠢᠨ ᠪᠠᠷᠢᠯᠭ᠎ᠠ ᠶᠢᠨ ᠲᠠᠯᠠᠪᠠᠢ ᠶᠢ 4.7 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠦᠨ᠂ ᠲᠣᠮᠳᠠᠳᠣ ᠪᠠᠭ᠎ᠠ ᠰᠣᠷᠭᠠᠭᠤᠯᠢ ᠶᠢ ᠪᠦᠬᠦᠨ ᠢ ᠠᠶᠢᠮᠠᠭ ᠤᠨ ᠲᠡᠰ ᠤᠨ ᠪᠠᠷᠢᠮᠵᠢᠶᠠᠵᠢᠭᠰᠠᠨ ᠰᠣᠷᠭᠠᠭᠤᠯᠢ ᠶᠢᠨ ᠬᠢᠷᠢ ᠲᠦᠪᠰᠢᠨ ᠳᠤ ᠬᠦᠷᠭᠡᠵᠦ᠂ 15 ᠵᠢᠯ ᠤᠨ ᠰᠦᠢᠳᠭᠡᠯ ᠬᠡᠯᠳᠦᠷᠢᠬᠦᠯᠬᠦ ᠰᠣᠷᠭᠠᠨ ᠬᠦᠮᠦᠵᠢᠯ ᠢ ᠪᠡᠶᠡᠯᠡᠬᠦᠯᠦᠨ᠂ 151 ᠨᠡᠷ᠎ᠡ ᠪᠠᠭᠰᠢ ᠣᠷᠢᠨ ᠬᠡᠷᠡᠭᠯᠡᠵᠦ ᠂ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠲᠠᠪᠰᠢᠭᠰᠠᠨ ᠨᠣᠷᠮ᠎ᠠ ᠨᠢ 45.45%  ᠎ ᠳᠤ ᠬᠦᠷᠴᠦ᠂ 2010 ᠣᠨ ᠤ ᠬᠢ ᠠᠴᠠ 16.25 ᠵᠠᠭᠤᠨ ᠤ ᠬᠤᠪᠢ ᠪᠠᠷ ᠲᠡᠭᠡᠭᠰᠢᠯᠡᠬᠦᠯᠪᠡ᠃ ᠡᠮᠴᠢᠯᠡᠭᠡ ᠡᠷᠡᠬᠦᠯ ᠬᠠᠮᠠᠭᠠᠯᠠᠯ ᠤᠨ ᠠᠵᠢᠯ ᠦᠢᠯᠡᠰ ᠦᠳᠳᠡᠷ ᠲᠦᠷᠭᠡᠨ ᠬᠦᠭᠵᠢᠨ᠂ 7000 ᠲᠦᠮᠡᠨ ᠲᠦᠬᠦᠷᠢᠭ ᠤᠨ ᠪᠡᠯᠡ ᠣᠷᠣᠭᠤᠯᠵᠣ᠂ ᠬᠤᠰᠢᠭᠤ ᠪᠠᠷᠢᠮᠵᠢᠶᠠᠵᠢᠭᠰᠠᠨ ᠡᠮᠨᠡᠯᠭᠡ ᠶᠢᠨ ᠬᠤᠷᠢᠶ᠎ᠠ᠂ ᠭᠤᠷᠪᠠᠨ ᠰᠣᠮᠣ ᠪᠠᠯᠭᠠᠰᠣᠨ ᠤ ᠡᠷᠡᠬᠦᠯ ᠬᠠᠮᠠᠭᠠᠯᠠᠯ ᠤᠨ ᠬᠤᠷᠢᠶ᠎ᠠ᠂ 36 ᠭᠠᠴᠠᠭᠠᠨ ᠤ ᠡᠷᠡᠬᠦᠯ ᠬᠠᠮᠠᠭᠠᠯᠠᠯ ᠤᠨ ᠲᠠᠰᠤᠭ ᠤᠨ ᠪᠠᠶᠢᠭᠤᠯᠣᠯᠳᠠ ᠶᠢ ᠲᠠᠭᠤᠰᠬᠠᠨ᠂ 11 ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠡᠷᠭᠡ᠂ 89 ᠢᠵᠢ ᠡᠮᠴᠢᠯᠡᠭᠡᠨ ᠤ ᠮᠠᠰᠢᠨ ᠲᠦᠬᠦᠭᠡᠷᠦᠮᠵᠢ ᠲᠣᠬᠢᠷᠠᠭᠤᠯᠵᠣ᠂ 80 ᠨᠠᠷ᠎ᠠ ᠡᠮᠴᠢ ᠣᠷᠢᠨ ᠭᠡᠷᠡᠭᠯᠡᠵᠦ᠂ ᠡᠮᠴᠢᠯᠡᠭᠡᠨ ᠤ ᠴᠢᠳᠠᠪᠬᠢ ᠢᠯᠡᠳᠳᠡ ᠲᠡᠭᠡᠭᠰᠢᠯᠡᠪᠡ᠃ ᠲᠦᠯᠦᠪᠯᠡᠭᠡᠳᠦ ᠦᠷᠡᠵᠢᠯ ᠤᠨ ᠬᠠᠷᠠᠯᠳᠠᠳᠣ ᠬᠠᠮᠢᠶᠠᠷᠣᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠳᠦᠮᠵᠢᠳᠡᠢ ᠨᠠᠶᠢᠳᠠᠪᠣᠷᠢᠵᠢᠭᠤᠯᠵᠣ᠂ ᠲᠣᠣᠷ᠎ᠠ ᠲᠦᠷᠦᠯᠳᠡ ᠶᠢᠨ ᠬᠢᠷᠢ ᠲᠦᠪᠰᠢᠨ ᠢ ᠦᠷᠬᠦᠯᠵᠢᠯᠡᠨ ᠪᠠᠳᠣᠯᠠᠪᠠ᠃ ᠦᠨᠳᠦᠰᠦᠳᠡᠨ ᠎ ᠤ ᠰᠣᠶᠣᠯ ᠤᠨ ᠲᠣᠮᠣ ᠬᠤᠰᠢᠭᠤ ᠶᠢ ᠴᠣᠭᠴᠠᠯᠠᠨ ᠪᠠᠶᠢᠭᠤᠯᠬᠤ ᠠᠵᠢᠯ ᠢ ᠬᠦᠨᠵᠡᠭᠡᠢ ᠠᠬᠢᠭᠤᠯᠵᠣ᠂ ᠰᠢᠨ᠎ᠡ ᠪᠠᠷ ᠷᠠᠳᠢᠤ᠋ ᠲᠧᠯᠸᠢᠰ ᠤᠨ ᠶᠡᠷᠦᠩᠬᠡᠶᠢᠯᠡᠭᠰᠡᠨ ᠠᠰᠠᠷ ᠪᠠᠶᠢᠭᠤᠯᠣᠨ᠂ ᠡᠷᠳᠡᠨᠢᠠᠠᠭᠤᠯᠠ ᠪᠠ ᠴᠡᠩᠬᠡᠯ ᠲᠣᠯᠬᠢᠶᠠᠨ ᠲᠠᠮᠵᠢᠭᠤᠯᠬᠤ ᠦᠷᠳᠡᠭᠡ ᠶᠢ ᠠᠰᠢᠭᠯᠠᠯᠳᠠ ᠳᠤ ᠣᠷᠣᠭᠤᠯᠣᠨ᠂ 14 ᠲᠣᠯᠬᠢᠶᠠᠨ ᠲᠠᠮᠵᠢᠭᠤᠯᠬᠤ ᠮᠠᠰᠢᠨ ᠣᠭᠰᠠᠷᠠᠵᠣ ᠂ ᠷᠠᠳᠢᠣ᠋ ᠲᠧᠯᠸᠢᠰ ᠤᠨ ᠪᠦᠷᠬᠦᠴᠡ ᠶᠢᠨ ᠨᠣᠷᠮ᠎ᠠ ᠶᠢ ᠲᠣᠰ ᠲᠣᠰ 98.4%  ᠪᠠ 97%  ᠎ ᠳᠤ ᠬᠦᠷᠭᠡᠪᠡ᠃ ᠪᠦᠬᠦ ᠣᠯᠣᠰ ᠤᠨ ᠨᠠᠢᠮᠠᠳᠣᠭᠠᠷ ᠬᠤᠭᠤᠴᠠᠭᠠᠨ ᠤ ᠴᠦᠭᠡᠨ ᠲᠣᠭᠠᠳᠣ ᠦᠨᠳᠦᠰᠦᠳᠡᠨ ᠤ ᠲᠠᠮᠢᠷ ᠤᠨ ᠴᠣᠭᠯᠠᠭᠠᠨ ᠤ ᠮᠣᠷᠢᠨ ᠮᠡᠷᠭᠡᠵᠢᠯ ᠤᠨ ᠦᠵᠡᠬᠦᠯᠦᠯᠭᠡ ᠶᠢ ᠠᠮᠵᠢᠯᠳᠠ ᠲᠠᠢ ᠡᠷᠬᠢᠯᠡᠨ ᠶᠠᠪᠣᠭᠳᠠᠭᠤᠯᠵᠣ᠂ ᠬᠤᠰᠢᠭᠤ ᠣᠯᠠᠭᠠᠨᠮᠦ᠋ᠴᠢᠷ ᠎ ᠨᠢ ᠪᠦᠬᠦ ᠣᠯᠣᠰ ᠤᠨ ᠰᠣᠶᠣᠯ ᠤᠨ ᠲᠡᠷᠢᠬᠦᠨ ᠤ ᠨᠢᠭᠡᠴᠡ ᠶᠢᠨ ᠢᠷᠠᠭᠤ ᠠᠯᠳᠠᠷ ᠢ ᠬᠦᠷᠳᠡᠪᠡ᠃ ᠵᠢᠯ ᠪᠣᠯᠭᠠᠨ ᠠᠷᠠᠳ ᠤᠨ ᠠᠮᠢᠳᠣᠷᠠᠯ ᠳᠤ ᠬᠤᠯᠪᠣᠭᠳᠠᠭᠰᠠᠨ ︽ᠠᠷᠪᠠᠨ ᠪᠣᠳᠠᠳᠣ ᠶᠠᠪᠣᠳᠠᠯ︾᠎ ᠢ ᠵᠣᠬᠢᠶᠠᠨ ᠪᠠᠶᠢᠭᠤᠯᠵᠣ ᠬᠦᠢᠴᠡᠳᠭᠡᠨ᠂ ᠦᠪᠡᠷᠳᠡᠭᠡᠨ ᠵᠠᠰᠠᠬᠤ ᠣᠷᠣᠨ ᠤ ︽ᠭᠤᠷᠪᠠᠨ ᠨᠢᠭᠡ︾① ᠠᠷᠠᠳ ᠤᠨ ᠠᠮᠢᠳᠣᠷᠠᠯ ᠤᠨ ᠪᠣᠳᠠᠳᠣ ᠶᠠᠪᠣᠳᠠᠯ ᠢ ᠢᠳᠡᠪᠬᠢᠳᠡᠢ ᠨᠠᠶᠢᠳᠠᠪᠣᠷᠢᠵᠢᠭᠤᠯᠵᠣ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠣᠯᠠᠮ ᠨᠢᠭᠳᠠᠷᠠᠭᠤᠯᠵᠣ᠂ ᠡᠯ᠎ᠡ ᠦᠨᠳᠦᠰᠦᠳᠡᠨ ᠤ ᠠᠷᠠᠳ ᠲᠦᠮᠡᠨ ᠤ ᠢᠳᠡᠭᠡᠯ ᠬᠦᠷᠢᠶᠡᠯᠡᠯ ᠢ ᠣᠯᠣᠭᠰᠠᠭᠠᠷ ᠢᠷᠡᠪᠡ᠃     ᠲᠠᠪᠣᠨ ᠵᠢᠯ ᠤᠨ ᠲᠣᠷᠰᠢ ᠴᠡᠭᠴᠡᠯᠡᠯᠳᠡ ᠪᠠᠷ ᠨᠡᠶᠢᠭᠡᠮ ᠤᠨ ᠡᠶ᠎ᠡ ᠵᠣᠬᠢᠴᠠᠯ ᠠᠮᠣᠷ ᠲᠣᠭᠳᠠᠭᠤᠨ ᠢ ᠪᠠᠳᠣᠯᠠᠪᠠ᠃ ᠬᠠᠣᠯᠢ ᠶᠣᠰᠣᠭᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠣ᠂ ︽ᠵᠢᠷᠭᠤᠳᠣᠭᠠᠷ ᠲᠠᠪᠣᠨ ᠵᠢᠯ︾ ᠎ ᠤᠨ ᠬᠠᠣᠯᠢ ᠲᠦᠭᠡᠮᠡᠯᠵᠢᠬᠦᠯᠬᠦ ᠠᠵᠢᠯ ᠢ ᠣᠷᠣᠭᠰᠢᠳᠠᠢ ᠪᠠᠶᠡᠯᠡᠬᠦᠯᠦᠨ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ᠂ ᠲᠦᠪ ᠭᠤᠣᠯᠴᠢ ᠪᠠᠷ ᠬᠠᠣᠯᠢ ᠴᠠᠭᠠᠵᠠ ᠶᠢ ᠬᠡᠷᠡᠭᠵᠢᠬᠦᠯᠬᠦ ᠬᠢᠷᠢ ᠲᠦᠪᠰᠢᠨ ᠢᠯᠡᠳᠳᠡ ᠲᠡᠭᠡᠭᠰᠢᠯᠡᠪᠡ᠃ ᠨᠡᠶᠢᠭᠡᠮ ᠎ ᠤᠨ ᠵᠦᠷᠢᠴᠡᠯ ᠵᠢᠭᠤᠷᠠᠭᠠᠨ ᠢ ᠨᠠᠮᠳᠠᠭᠠᠬᠤ ᠠᠵᠢᠯ ᠢ ᠬᠦᠢᠴᠡᠳᠭᠡᠨ᠂ ︽1328︾ ᠵᠠᠬᠢᠳᠠᠯ ᠰᠣᠷᠪᠣᠯᠵᠢᠯᠠᠭ᠎ᠠ ᠶᠢᠨ ᠡᠳᠦᠷ᠂ ᠣᠳᠣᠷᠢᠳᠬᠤ ᠺᠠᠳ᠋ᠷ ᠰᠣᠷᠪᠣᠯᠵᠢᠯᠠᠭ᠎ᠠ ᠬᠢᠬᠦ ᠪᠠ ᠰᠣᠷᠪᠣᠯᠵᠢᠯᠠᠭ᠎ᠠ ᠬᠦᠯᠢᠶᠡᠨ ᠠᠪᠬᠤ᠂ ᠴᠢᠬᠤᠯᠠ ᠶᠡᠭᠡ ᠵᠠᠬᠢᠳᠠᠯ ᠰᠣᠷᠪᠣᠯᠵᠢᠯᠠᠭ᠎ᠠ ᠶᠢ ᠣᠳᠣᠷᠢᠳᠣᠯᠭ᠎ᠠ ᠠᠴᠠ ᠲᠠᠭᠠᠭᠠᠨ ᠠᠪᠬᠤ ᠲᠦᠷᠢᠮ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠨᠢᠭᠡ ᠪᠦᠯᠦᠭ ᠭᠤᠣᠯᠳᠠᠯᠭ᠎ᠠ ᠲᠠᠢ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠵᠣᠬᠢᠰᠳᠠᠢ ᠰᠢᠢᠳᠪᠦᠷᠢᠯᠡᠪᠡ᠃ ᠠᠮᠣᠷ ᠲᠠᠶᠢᠪᠣᠩ ᠤᠨ ᠪᠠᠶᠢᠭᠤᠯᠣᠯᠳᠠ ᠶᠢᠨ ᠢᠨᠵᠧᠨᠧᠷᠢᠩ ᠢ ᠬᠦᠴᠦᠯᠡᠨ ᠬᠡᠷᠡᠭᠵᠢᠬᠦᠯᠵᠦ᠂ ᠨᠡᠶᠢᠭᠡᠮ ᠤᠨ ᠠᠮᠣᠷ ᠤᠨ ᠬᠠᠮᠠᠭᠠᠯᠠᠯᠳᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠣᠨ᠂ ᠡᠯ᠎ᠡ ᠲᠦᠷᠦᠯ ᠤᠨ ᠬᠠᠣᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦᠨ᠂ ᠠᠷᠠᠳ ᠣᠯᠠᠨ ᠤ ᠠᠮᠣᠷ ᠲᠦᠪᠰᠢᠨ ᠤ ᠰᠡᠳᠬᠢᠭᠳᠡᠯ ᠢᠯᠡᠳᠳᠡ ᠲᠡᠭᠡᠭᠰᠢᠯᠡᠪᠡ᠃ ᠠᠶᠣᠯᠬᠦᠢ ᠦᠢᠯᠡᠳᠪᠦᠷᠢᠯᠡᠯ ᠤᠨ ᠠᠵᠢᠯ ᠶᠡᠷᠦᠩᠬᠡᠢ ᠳᠡᠭᠡᠨ ᠲᠣᠭᠳᠠᠭᠤᠨ ᠰᠠᠶᠢᠨ ᠪᠠᠶᠢᠵᠣ᠂ ᠢᠳᠡᠭᠡᠨ ᠪᠠ ᠡᠮ ᠤᠨ ᠵᠦᠢᠯᠡᠰ ᠤᠨ ᠠᠮᠣᠷ ᠲᠦᠪᠰᠢᠨ᠂ ᠴᠢᠨᠠᠷ ᠴᠢᠨᠰᠠᠭ᠎ᠠ ᠳᠤ ᠮᠡᠷᠭᠡᠵᠢᠯ ᠢᠶᠠᠷ ᠬᠢᠨᠠᠯᠳᠠ ᠲᠠᠯᠪᠢᠬᠤ ᠠᠵᠢᠯ ᠢ ᠣᠯᠠᠮ ᠴᠢᠩᠭᠠᠳᠬᠠᠪᠠ᠃ ᠴᠡᠷᠢᠭ ᠴᠠᠭᠳᠠᠭ᠎ᠠ ᠠᠷᠠᠳ ᠬᠠᠮᠳᠣ ᠪᠠᠷ ᠪᠠᠶᠢᠭᠤᠯᠣᠯᠴᠠᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠦᠨ᠂ ᠴᠡᠷᠢᠭ ᠵᠠᠰᠠᠭ᠂ ᠴᠡᠷᠢᠭ ᠠᠷᠠᠳ ᠤᠨ ᠬᠠᠷᠢᠴᠠᠭ᠎ᠠ ᠣᠯᠠᠮ ᠨᠢᠭᠳᠠᠷᠠᠵᠣ᠂ ᠬᠢᠯᠢ ᠬᠢᠵᠠᠭᠠᠷ ᠠᠮᠣᠷ ᠲᠣᠭᠳᠠᠭᠤᠨ᠂ ᠠᠷᠠᠳ ᠣᠯᠠᠨ ᠠᠵᠠ ᠵᠢᠷᠭᠠᠯ ᠲᠠᠢ ᠪᠠᠶᠢᠬᠤ ᠣᠬᠢ ᠰᠠᠶᠢᠨ ᠪᠠᠶᠢᠳᠠᠯ ᠲᠠᠢ ᠪᠣᠯᠪᠠ᠃ ᠨᠠᠮ ᠪᠠ ᠣᠯᠣᠰ ᠤᠨ ᠦᠨᠳᠦᠰᠦᠳᠡᠨ ᠱᠠᠰᠢᠨ ᠰᠣᠷᠳᠠᠬᠤᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠎ ᠪᠠᠷ  ᠨᠠᠶᠢᠳᠠᠪᠣᠷᠢᠵᠢᠭᠤᠯᠵᠣ᠂ ᠦᠨᠳᠦᠰᠦᠳᠡᠨ ᠤ ᠬᠠᠷᠢᠴᠠᠭ᠎ᠠ ᠶᠢ ᠲᠠᠰᠣᠷᠠᠯᠳᠠ ᠦᠭᠡᠢ ᠪᠠᠬᠢᠵᠢᠬᠦᠯᠦᠨ᠂ ᠵᠢᠷᠭᠤᠳᠣᠭᠠᠷ ᠣᠳᠠᠭᠠᠨ ᠤ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠤᠨ ᠰᠠᠶᠢᠰᠢᠶᠠᠨ ᠬᠦᠭᠢᠬᠦᠯᠬᠦ ᠬᠤᠷᠠᠯ ᠲᠡᠭᠡᠷ᠎ᠡ ᠮᠠᠨ ᠤ ᠬᠤᠰᠢᠭᠤ ᠨᠢ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠤᠨ ᠵᠢᠱᠢᠶᠡᠴᠢ ᠬᠠᠮᠳᠣ ᠨᠢᠭᠡᠴᠡ ᠎ ᠪᠠᠷ ᠦᠨᠡᠯᠡᠭᠳᠡᠪᠡ᠃     ᠲᠠᠪᠣᠨ ᠵᠢᠯ ᠤᠨ ᠲᠣᠷᠰᠢ ᠵᠠᠰᠠᠭ ᠤᠨ ᠣᠷᠳᠣᠨ ᠤ ᠲᠣᠰ ᠪᠠᠶ᠎ᠡ ᠶᠢᠨ ᠪᠠᠶᠢᠭᠤᠯᠣᠯᠳᠠ ᠶᠢ ᠲᠠᠰᠣᠷᠠᠯᠳᠠ ᠦᠭᠡᠢ ᠴᠢᠩᠭᠠᠳᠬᠠᠵᠦ᠂ ᠡᠬᠦᠷᠭᠡ ᠬᠠᠷᠢᠭᠤᠴᠠᠯᠭ᠎ᠠ ᠪᠠᠨ ᠰᠠᠶᠢᠳᠤᠷ ᠪᠡᠶᠡᠯᠡᠬᠦᠯᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠨᠠᠮ ᠤᠨ ᠣᠯᠣᠰ ᠲᠦᠷᠦ ᠶᠢᠨ ᠰᠠᠬᠢᠯᠭ᠎ᠠ ᠲᠦᠷᠢᠮᠵᠢᠯ ᠢ ᠴᠢᠩᠭ᠎ᠠ ᠵᠢᠷᠣᠮᠯᠠᠨ᠂ ᠲᠦᠪ ᠤᠨ ᠨᠠᠢᠮᠠᠨ ᠵᠦᠢᠯ ᠤᠨ ᠲᠣᠭᠳᠠᠭᠠᠯ ᠪᠠ ᠦᠪᠡᠷᠳᠡᠭᠡᠨ ᠵᠠᠰᠠᠬᠤ ᠣᠷᠣᠨ ᠎ ᠤ 28 ᠵᠣᠷᠪᠣᠰ ᠲᠣᠭᠳᠠᠭᠠᠯ ᠢ ᠴᠢᠩᠭ᠎ᠠ ᠬᠡᠷᠡᠭᠵᠢᠬᠦᠯᠵᠦ᠂ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠭᠤᠷᠪᠠᠨ ᠴᠢᠩᠭ᠎ᠠ ᠭᠤᠷᠪᠠᠨ ᠪᠣᠳᠠᠳᠠᠢ︾ ᠪᠠᠶᠢᠬᠤ ᠲᠣᠰᠬᠠᠢ ᠰᠡᠳᠦᠪᠳᠦ ᠬᠦᠮᠦᠵᠢᠯ ᠢ ᠬᠦᠨᠵᠡᠭᠡᠢ ᠦᠷᠨᠢᠬᠦᠯᠦᠨ᠂ ᠰᠣᠷᠳᠠᠯ ᠴᠡᠭᠴᠡᠯᠡᠨ ᠰᠠᠬᠢᠯᠭ᠎ᠠ ᠪᠠᠳᠣ ᠶᠢ ᠴᠢᠩᠭᠠᠳᠬᠠᠵᠣ᠂ ᠲᠦᠷᠢᠮ ᠲᠣᠭᠳᠠᠭᠠᠯ ᠢ ᠪᠦᠷᠢᠨᠰᠢᠬᠦᠯᠦᠨ᠂ ᠨᠠᠶᠢᠳᠠᠪᠣᠷᠢᠵᠢᠭᠤᠯᠣᠯᠳᠠ ᠶᠢ ᠴᠢᠩᠭ᠎ᠠ ᠠᠳᠬᠤᠵᠣ᠂ ᠵᠠᠰᠠᠭ ᠤᠨ ᠰᠣᠷᠳᠠᠯ ᠢᠯᠡᠳᠳᠡ ᠰᠠᠶᠢᠵᠢᠷᠠᠪᠠ᠃ ᠨᠠᠮ ᠤᠨ ᠰᠣᠷᠳᠠᠯ ᠠᠷᠢᠭᠤᠨ ᠴᠢᠭᠡᠴᠢ ᠶᠢᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠬᠢᠨᠠᠨ ᠪᠠᠶᠢᠴᠠᠭᠠᠵᠣ ᠬᠢᠨᠠᠨ ᠪᠣᠳᠣᠬᠤ ᠡᠷᠴᠢᠮ ᠢᠶᠠᠨ ᠴᠢᠩᠭᠠᠳᠬᠠᠨ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠲᠦᠭᠰᠢᠬᠦᠷᠢ ᠶᠢ ᠰᠡᠷᠭᠡᠶᠢᠯᠡᠬᠦ ᠵᠣᠬᠢᠴᠠᠮᠵᠢ ᠶᠢᠨ ᠪᠠᠶᠢᠭᠤᠯᠣᠯᠳᠠ ᠶᠢ ᠴᠢᠩᠭᠠᠳᠬᠠᠪᠠ᠃ ᠵᠠᠰᠠᠭ ᠵᠠᠬᠢᠷᠭᠠᠨ ᠤ ᠲᠦᠪᠯᠡᠷᠡᠬᠦᠯᠦᠨ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠪᠠ ᠰᠣᠮᠣ ᠪᠠᠯᠭᠠᠰᠣᠨ ᠤ ᠪᠠᠷᠢᠮᠵᠢᠶᠠᠵᠢᠭᠰᠠᠨ ᠠᠷᠠᠳ ᠲᠤ ᠦᠢᠯᠡᠴᠢᠯᠡᠬᠦ ᠲᠢᠩᠬᠢᠮ ᠢ ᠪᠠᠶᠢᠭᠤᠯᠵᠣ᠂ ᠭᠠᠴᠠᠭᠠᠨ ᠳᠤ 75 ᠠᠷᠠᠳ ᠲᠤ ᠲᠦᠬᠦᠮ ᠦᠵᠡᠬᠦᠯᠬᠦ ᠴᠡᠭ ᠢ ᠭᠠᠷᠭᠠᠨ᠂ ᠦᠷ᠎ᠡ ᠠᠰᠢᠭ ᠪᠠ ᠦᠢᠯᠡᠴᠢᠯᠡᠭᠡᠨ ᠤ ᠬᠢᠷᠢ ᠲᠦᠪᠰᠢᠨ ᠢ ᠣᠯᠠᠮ ᠲᠡᠭᠡᠭᠰᠢᠯᠡᠬᠦᠯᠪᠡ᠃ ᠬᠠᠣᠯᠢ ᠶᠢ ᠴᠢᠩᠭ᠎ᠠ ᠬᠡᠷᠡᠭᠵᠢᠬᠦᠯᠵᠦ᠂ ᠵᠠᠰᠠᠭ ᠤᠨ ᠣᠷᠳᠣᠨ ᠠᠴᠠ ᠪᠡᠯᠡ ᠭᠠᠷᠭᠠᠨ ᠲᠦᠷᠢᠮ ᠲᠣᠭᠳᠠᠭᠠᠯ ᠳᠤ ᠨᠡᠶᠢᠴᠡᠬᠦ ᠦᠭᠡᠢ ᠠᠰᠠᠷ ᠪᠠᠷᠢᠯᠭ᠎ᠠ ᠪᠠᠷᠢᠬᠤ ᠶᠢ ᠪᠦᠬᠦ ᠲᠠᠯ᠎ᠠ ᠪᠠᠷ ᠵᠣᠭᠰᠣᠭᠠᠨ᠂ ᠠᠯᠪᠠᠨ ᠤ ᠭᠤᠷᠪᠠᠨ ᠵᠠᠷᠣᠳᠠᠯ ᠨᠢ 2010 ᠣᠨ ᠤ ᠬᠢ ᠠᠴᠠ 19.1 %᠎ ᠪᠠᠷ ᠪᠠᠭᠤᠷᠠᠪᠠ᠃ ᠬᠠᠣᠯᠢ ᠶᠣᠰᠣᠭᠠᠷ ᠵᠠᠰᠠᠭᠯᠠᠬᠤ᠂ ᠵᠠᠰᠠᠭ ᠤᠨ ᠶᠠᠪᠣᠳᠠᠯ ᠎ ᠢ ᠢᠯᠡ ᠪᠣᠯᠭᠠᠬᠤ ᠪᠠ ᠰᠢᠨᠵᠢᠯᠡᠬᠦ ᠣᠬᠠᠭᠠᠨᠴᠢ ᠠᠷᠠᠳᠴᠢᠯᠠᠯᠳᠣ ᠰᠢᠢᠳᠪᠦᠷᠢ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠨ ᠤ ᠬᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠨ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ ᠪᠠ ᠨᠠᠮ ᠪᠣᠰᠣ ᠬᠦᠮᠦᠰ ᠤᠨ ᠰᠠᠨᠠᠯ ᠢ ᠨᠠᠷᠢᠨ ᠬᠢᠨᠠᠮᠠᠭᠠᠢ ᠰᠣᠨᠣᠰᠴᠦ᠂ 683 ᠬᠤᠪᠢ ᠠᠷᠠᠳ ᠤᠨ ᠲᠦᠯᠦᠭᠡᠯᠡᠭᠴᠢᠳ ᠤᠨ ᠰᠠᠨᠠᠯ᠂ 336 ᠬᠤᠪᠢ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠤᠨ ᠰᠠᠨᠠᠯ ᠲᠤᠷᠠᠳᠤᠯᠭ᠎ᠠ ᠶᠢ ᠬᠦᠯᠢᠶᠡᠨ ᠰᠢᠢᠳᠪᠦᠷᠢᠯᠡᠪᠡ᠃ ᠡᠬᠦᠨ ᠤ ᠬᠠᠮᠳᠣ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠡᠷᠦᠭᠡ ᠶᠢᠨ ᠴᠡᠷᠢᠭ ᠤᠨ ᠪᠡᠯᠡᠳᠭᠡᠯ ᠠᠯᠪᠠ᠂ ᠠᠷᠠᠳ ᠤᠨ ᠠᠭᠠᠷ ᠤᠨ ᠰᠡᠷᠭᠡᠶᠢᠯᠡᠯᠳᠡ᠂ ᠪᠠᠴᠢᠮ ᠠᠷᠭᠠᠴᠠᠭᠠᠬᠤ ᠬᠠᠮᠢᠶᠠᠷᠣᠯᠳᠠ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠡᠷᠭᠡ ᠠᠵᠢᠯ ᠢ ᠴᠢᠩᠭᠠᠳᠬᠠᠵᠣ᠂ ᠮᠦᠩᠬᠦᠨ ᠬᠦᠢᠯᠭᠡᠭᠡ ᠲᠠᠭᠠᠳᠬᠠᠯ᠂ ᠰᠢᠣᠳᠠᠨ ᠬᠤᠯᠪᠤᠭ᠎ᠠ᠂ ᠭᠠᠳᠠᠭᠠᠳᠣ ᠶᠠᠪᠣᠳᠠᠯ᠂ ᠭᠠᠵᠠᠷ ᠬᠦᠳᠡᠯᠦᠯᠳᠡ᠂ ᠴᠠᠭ ᠠᠭᠤᠷ᠂ ᠡᠮᠡᠭᠳᠡᠶᠢᠴᠣᠳ ᠬᠡᠦᠭᠡᠳ ᠵᠡᠷᠭᠡ ᠶᠢᠨ ᠠᠵᠢᠯ ᠨᠢ ᠴᠦᠮ ᠰᠢᠨ᠎ᠡ ᠠᠬᠢᠯᠳᠠ ᠲᠠᠢ ᠪᠤᠯᠪᠠ᠃     2015 ᠣᠨ ᠳᠤ ᠪᠢᠳᠠ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠣᠭᠠᠨ ᠤ ᠡᠯ᠎ᠡ ᠲᠦᠷᠦᠯ ᠤᠨ ᠡᠬᠦᠷᠭᠡ ᠪᠠᠨ ᠠᠮᠵᠢᠯᠳᠠ ᠲᠠᠢ ᠪᠡᠶᠡᠯᠡᠬᠦᠯᠦᠭᠰᠡᠨ ᠪᠠᠶᠢᠨ᠎ᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 67.4 ᠳ᠋ᠦᠩᠰᠢᠭᠤᠷ ᠲᠦᠬᠦᠷᠢᠭ ᠲᠤ ᠬᠦᠷᠴᠦ᠂ 12.5%  ᠎ ᠪᠠᠷ ᠨᠡᠮᠡᠭᠳᠡᠨ᠂ ᠡᠬᠦᠨ ᠳᠤ ᠨᠢᠭᠡᠳᠦᠭᠡᠷ ᠠᠵᠣ ᠦᠢᠯᠡᠰ ᠤᠨ ᠨᠡᠮᠡᠭᠳᠡᠯ ᠦᠷᠳᠡᠭ 7.8 ᠳ᠋ᠦᠩᠰᠢᠭᠤᠷ ᠲᠦᠬᠦᠷᠢᠭ ᠲᠤ ᠬᠦᠷᠴᠦ᠂ 5.7%  ᠎ ᠪᠠᠷ ᠨᠡᠮᠡᠭᠳᠡᠨ᠂ ᠬᠤᠶᠠᠳᠣᠭᠠᠷ ᠠᠵᠣ ᠦᠢᠯᠡᠰ ᠎ ᠤᠨ ᠨᠡᠮᠡᠭᠳᠡᠯ ᠦᠷᠳᠡᠭ 49.3 ᠳ᠋ᠦᠩᠰᠢᠭᠤᠷ ᠲᠦᠬᠦᠷᠢᠭ ᠲᠤ ᠬᠦᠷᠴᠦ᠂ 14.5%  ᠎ ᠪᠠᠷ ᠨᠡᠮᠡᠭᠳᠡᠨ᠂ ᠭᠤᠷᠪᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ 10.3 ᠳ᠋ᠦᠩᠰᠢᠭᠤᠷ ᠲᠦᠬᠦᠷᠢᠭ ᠲᠤ ᠬᠦᠷᠴᠦ᠂ 6.2%  ᠎ ᠢᠶᠠᠷ ᠨᠡᠮᠡᠭᠳᠡᠪᠡ᠃ 41.1 ᠳ᠋ᠦᠩᠰᠢᠭᠤᠷ ᠲᠦᠬᠦᠷᠢᠭ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ ᠪᠡᠶᠡᠯᠡᠬᠦᠯᠦᠨ᠂ 17.1%᠎ ᠪᠠᠷ ᠨᠡᠮᠡᠭᠳᠡᠵᠦ᠂ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪᠯᠡᠨ ᠪᠣᠳᠣᠯᠳᠠ ᠎ ᠶᠢᠨ ᠣᠷᠣᠯᠭ᠎ᠠ 1.98 ᠳ᠋ᠦᠩᠰᠢᠭᠤᠷ ᠲᠦᠬᠦᠷᠢᠭ ᠲᠤ ᠬᠦᠷᠴᠦ᠂ 7.5%  ᠎ ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠬᠡᠮᠵᠢᠶ᠎ᠡ 10.1 ᠳ᠋ᠦᠩᠰᠢᠭᠤᠷ ᠲᠦᠬᠦᠷᠢᠭ ᠲᠤ ᠬᠦᠷᠴᠦ᠂ 6.9%  ᠎ ᠪᠠᠷ ᠨᠡᠮᠡᠭᠳᠡᠨ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠲᠣᠮᠳᠠᠴᠢ ᠲᠣᠬᠢᠷᠠᠭᠤᠯᠵᠣ ᠪᠣᠯᠬᠤᠶᠢᠴᠠ ᠣᠷᠣᠯᠭ᠎ᠠ ᠲᠣᠰ ᠲᠣᠰ 30001 ᠲᠦᠬᠦᠷᠢᠭ ᠪᠠ 20075 ᠲᠦᠬᠦᠷᠢᠭ ᠲᠤ ᠬᠦᠷᠴᠦ᠂ 8.3% ᠪᠠ 8.0%  ᠎ ᠪᠠᠷ ᠨᠡᠮᠡᠭᠳᠡᠪᠡ᠃ ᠠᠵᠣ ᠠᠬᠤᠢ ᠶᠢᠨ ᠬᠦᠭᠵᠢᠯᠳᠡ ᠣᠳᠠᠭᠠᠨ ᠠᠵᠣ ᠦᠢᠯᠡᠳᠪᠦᠷᠢ ᠶᠢᠨ ᠪᠦᠳᠦᠭᠡᠭᠳᠡᠬᠦᠨ ᠤ ᠪᠣᠷᠣᠯᠠᠭᠤᠯᠣᠯᠳᠠ ᠰᠠᠶᠢᠨ ᠪᠢᠰᠢ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠦᠨ᠎ᠡ ᠬᠠᠩᠰᠢ ᠪᠠᠭᠤᠷᠠᠵᠣ ᠪᠠᠶᠢᠭ᠎ᠠ ᠣᠳᠣᠬᠠᠨ ᠤ ᠪᠠᠶᠢᠳᠠᠯ ᠳᠤ ᠡᠳᠡᠭᠡᠷ ᠠᠮᠵᠢᠯᠳᠠ ᠶᠢ ᠣᠯᠣᠭᠰᠠᠨ ᠨᠢ ᠬᠢᠯᠪᠠᠷ ᠪᠣᠰᠣ ᠶᠣᠮ᠃ ᠨᠢᠭᠡ ᠵᠢᠯ ᠤᠨ ᠲᠣᠷᠰᠢ᠂ ᠪᠢᠳᠠ ᠲᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠪᠠ᠄     ︵ᠨᠢᠭᠡ︶ ᠪᠦᠳᠦᠴᠡ ᠶᠢᠨ ᠲᠣᠬᠢᠷᠠᠭᠤᠯᠣᠯᠳᠠ ᠶᠢ ᠣᠯᠠᠮ ᠲᠦᠷᠭᠡᠳᠬᠡᠨ᠂ ᠠᠵᠣ ᠦᠢᠯᠡᠰ ᠤᠨ ᠬᠡᠯᠪᠡᠷᠢ ᠲᠡᠰ ᠲᠡᠪᠰᠢᠪᠡ᠂᠃ ᠣᠳᠣᠬᠢᠴᠢᠯᠠᠭᠰᠠᠨ ᠮᠠᠯ ᠠᠵᠣ ᠠᠬᠤᠢ ᠯᠠᠪᠳᠠᠭᠤᠨ ᠢᠶᠠᠷ ᠬᠦᠭᠵᠢᠵᠦ᠂ ᠨᠤᠮᠢᠨ ᠲᠡᠯᠡᠬᠡᠢ ᠺᠣᠮᠫᠠᠨᠢ ᠶᠢᠨ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠬᠦᠯᠬᠦ ᠲᠦᠷᠦᠯ ᠵᠦᠢᠯ᠂ ᠮᠧᠩ ᠶᠤᠸᠠᠨ ᠺᠣᠮᠫᠠᠨᠢ ᠎ ᠶᠢᠨ ᠬᠦᠢᠳᠡᠨ ᠬᠦᠮᠦᠷᠭᠡ ᠶᠢ ᠦᠷᠭᠡᠳᠭᠡᠨ ᠪᠠᠶᠢᠭᠤᠯᠬᠤ ᠲᠦᠷᠦᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠲᠠᠭᠤᠰᠬᠠᠨ᠂ 120 ᠲᠦᠮᠡᠨ ᠮᠠᠯ ᠵᠠᠷᠣᠴᠠᠭᠤᠯᠵᠣ᠂ 126 ᠲᠣᠨ ᠴᠠᠭᠠᠨ ᠢᠳᠡᠭᠡ᠂ 268 ᠲᠣᠨ ᠴᠡᠭᠡ ᠪᠣᠷᠣᠯᠠᠭᠤᠯᠣᠨ᠂ 2.97 ᠳ᠋ᠦᠩᠰᠢᠭᠤᠷ ᠺᠢᠯᠣᠭ᠍ᠷᠠᠮ ᠡᠪᠡᠰᠦ ᠬᠠᠳᠣᠵᠣ ᠨᠦᠬᠡᠴᠠᠯᠠᠨ᠂ 10 ᠲᠦᠮᠡᠨ ᠬᠤᠷᠠᠭᠠᠨ ᠳᠤ ᠮᠦᠷᠳᠡᠯᠳᠡ ᠰᠢᠰᠲ᠋ᠧᠮ ᠤᠨ ᠡᠭᠡᠮᠦᠭ ᠵᠡᠬᠦᠯᠭᠡᠪᠡ︔ 200 ᠠᠷᠠᠴᠢᠯᠠᠭ᠎ᠠ ᠲᠡᠵᠢᠭᠡᠯᠭᠡ ᠶᠢᠨ ᠲᠣᠰᠬᠠᠶᠢᠵᠢᠭᠰᠠᠨ ᠡᠷᠦᠭᠡ ᠶᠢ ᠪᠣᠶᠢᠵᠢᠭᠤᠯᠵᠣ᠂ 70 ᠭᠡᠷ ᠪᠦᠯᠢ ᠶᠢᠨ ᠮᠠᠯᠵᠢᠯ ᠤᠨ ᠲᠠᠯᠠᠪᠡᠢ ᠪᠠᠶᠢᠭᠤᠯᠣᠨ᠂ ᠮᠠᠯᠴᠢᠳ ᠤᠨ ᠲᠣᠰᠬᠠᠶᠢᠵᠢᠭᠰᠠᠨ ᠬᠤᠷᠰᠢᠶᠠᠵᠢᠯ 10᠎ ᠶᠢ ᠲᠠᠩᠰᠠᠯᠠᠪᠠ︔ 507 ᠰᠠᠭᠤᠷᠢ 6.7 ᠲᠦᠮᠡᠨ ᠲᠡᠭᠰᠢ ᠲᠦᠷᠪᠡᠯᠵᠢᠨ ᠮᠧᠲᠷ ᠤᠨ ᠲᠣᠯᠠᠭᠠᠨ ᠫᠧᠩ᠂ 114 ᠰᠠᠭᠤᠷᠢ 1.8 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠦ ᠬᠠᠳᠠᠭᠠᠯᠬᠤ ᠫᠧᠩ ᠪᠠᠷᠢᠵᠣ᠂ 187 ᠰᠠᠣᠷᠢ ︵ᠢᠵᠢ︶ ᠮᠠᠯᠵᠢᠬᠤ ᠦᠢᠯᠡᠳᠪᠦᠷᠢᠯᠡᠯ ᠤᠨ ᠮᠠᠰᠢᠨ ᠮᠧᠬᠠᠨᠢᠭ ᠲᠠᠷᠬᠠᠭᠠᠪᠠ︔ 1.9 ᠲᠦᠮᠡᠨ ᠦᠨᠢᠶᠡᠨ ᠳᠤ ᠢᠴᠡᠭᠡᠯ ᠦᠷ᠎ᠡ ᠶᠢᠨ ᠬᠡᠭᠡᠯᠳᠦᠬᠦᠯᠭᠡ ᠬᠢᠵᠦ᠂ 1.7 ᠲᠦᠮᠡᠨ ᠬᠤᠴᠠ ᠎ ᠶᠢ ᠰᠢᠭᠰᠢᠵᠦ ᠪᠠᠶᠢᠴᠠᠭᠠᠪᠠ᠃ ᠠᠵᠣ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠬᠦᠯᠬᠦ ᠠᠵᠢᠯ ᠎ ᠤᠨ ᠠᠬᠢᠴᠠ ᠶᠢ ᠲᠦᠷᠭᠡᠳᠭᠡᠨ᠂ ᠴᠠᠭᠠᠨᠨᠠᠭᠤᠷ ᠤᠨ ᠣᠷᠴᠢᠯᠳᠠᠳᠣ ᠠᠵᠣ ᠠᠬᠤᠢ ᠶᠢᠨ ᠠᠵᠣ ᠦᠢᠯᠡᠰ ᠤᠨ ᠲᠣᠭᠤᠷᠢᠭ ᠤᠨ ᠶᠡᠷᠦᠩᠬᠡᠢ ᠲᠦᠯᠦᠪᠵᠢᠬᠦᠯᠭᠡ᠂ ᠠᠵᠣ ᠦᠢᠯᠡᠰ ᠤᠨ ᠲᠦᠯᠦᠪᠵᠢᠬᠦᠯᠭᠡ ᠨᠢ ᠠᠶᠢᠮᠠᠭ ᠤᠨ ᠬᠢᠨᠠᠨ ᠰᠢᠯᠭᠠᠯᠳᠠ ᠳᠤ ᠬᠢᠷᠢ ᠲᠡᠩᠴᠠᠨ᠂ 14 ᠲᠣᠮᠳᠠ ᠪᠠᠭ᠎ᠠ ᠠᠵᠣ ᠠᠬᠤᠶᠢᠯᠠᠯ ᠨᠢ ᠠᠳᠠᠯ  ᠪᠤᠰᠬᠠᠵᠦ ᠦᠢᠯᠡᠰ ᠡᠷᠬᠢᠯᠡᠬᠦ ᠠᠵᠣ ᠦᠢᠯᠡᠰ ᠤᠨ ᠲᠣᠭᠤᠷᠢᠭ ᠲᠤ ᠰᠠᠭᠤᠷᠢᠰᠢᠬᠤ ᠪᠠᠷ ᠬᠡᠷ᠎ᠡ ᠲᠣᠭᠳᠠᠨ᠂ 2᠎ ᠢ ᠨᠢ ᠨᠢᠭᠡᠨᠳᠡ ᠪᠠᠶᠢᠭᠤᠯᠵᠣ᠂ 2᠎ ᠢ ᠪᠠᠷᠢᠯᠭ᠎ᠠ ᠡᠬᠢᠯᠡᠬᠦᠯᠪᠡ︔ ᠴᠠᠭᠠᠨᠨᠠᠭᠤᠷ ᠤᠨ 2×66 ᠲᠦᠮᠡᠨ ᠺᠢᠯᠣᠸᠠᠲ ᠤᠨ ᠲᠦᠷᠦᠯ ᠵᠦᠢᠯ ᠤᠨ ᠪᠠᠶᠢᠭᠤᠯᠣᠯᠳᠠ ᠶᠢ ᠡᠬᠢᠯᠡᠬᠦᠯᠦᠨ᠂ ᠢᠵᠢ ᠪᠦᠷᠢᠳᠦᠭᠰᠡᠨ ᠨᠡᠬᠦᠷᠡᠰᠦᠨ ᠠᠭᠤᠷᠬᠠᠢ ᠶᠢᠨ ᠡᠬᠢ ᠪᠠᠶᠠᠯᠢᠭ ᠤᠨ ᠲᠣᠬᠢᠷᠠᠭᠤᠯᠭ᠎ᠠ ᠶᠢᠨ ᠡᠷᠡᠮᠡᠯᠵᠡᠯᠡᠯ ᠢ ᠦᠪᠡᠷᠳᠡᠭᠡᠨ ᠵᠠᠰᠠᠬᠤ ᠣᠷᠣᠨ ᠳᠤ ᠲᠡᠪᠰᠢᠬᠦᠯᠵᠦ᠂ ᠭᠠᠩ ᠴᠧᠩ ᠰᠠᠯᠬᠢᠨ ᠴᠠᠬᠢᠯᠭᠠᠨ ᠤ ᠲᠦᠷᠦᠯ ᠵᠦᠢᠯ ᠨᠢ ᠪᠠᠷᠢᠯᠭ᠎ᠠ ᠡᠬᠢᠯᠡᠬᠦᠯᠦᠨ᠂ ᠭᠤᠷᠴᠢ ᠶᠢᠨ ᠠᠭᠤᠷᠬᠠᠢ ᠬᠠᠶᠢᠵᠦ ᠨᠡᠭᠡᠭᠡᠬᠦ ᠭᠠᠷᠳᠠᠮ ᠢ ᠶᠠᠭ ᠬᠦᠢᠴᠡᠳᠭᠡᠵᠦ ᠪᠣᠢ᠃ ᠳ᠋ᠠ ᠠᠨ ᠨᠡᠬᠦᠷᠡᠰᠦᠨ ᠠᠭᠤᠷᠬᠠᠢ ᠬᠢᠨᠠᠨ ᠪᠠᠶᠢᠴᠠᠭᠠᠯᠳᠠ ᠶᠢᠨ ᠱᠠᠳᠣᠨ ᠳᠤ ᠣᠷᠣᠵᠣ᠂ ᠰᠢᠨ ᠨᠧᠩ ᠲᠠᠷᠬᠠᠯᠳᠠ ᠶᠢᠨ ᠬᠡᠯᠪᠡᠷᠢ ᠶᠢᠨ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ ᠲᠦᠷᠦᠯ ᠵᠦᠢᠯ ᠨᠢ ᠬᠡᠪᠴᠢᠶᠡᠨ ᠤ ᠵᠢᠭᠠᠯᠳᠠ ᠲᠤᠭ᠎ᠠ ᠶᠢ ᠭᠤᠶᠣᠴᠢᠯᠠᠵᠣ ᠪᠣᠢ︔ ᠠᠵᠣ ᠦᠢᠯᠡᠳᠪᠦᠷᠢ ᠶᠢᠨ ᠭᠠᠶᠢᠯᠢ ᠶᠢᠨ ᠣᠷᠣᠯᠭ᠎ᠠ 9788 ᠲᠦᠮᠡᠨ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 25.6%  ᠎ ᠪᠠᠷ ᠨᠡᠮᠡᠭᠳᠡᠨ ᠂ ᠡᠳ᠋ ᠤᠨ ᠵᠠᠰᠠᠭ ᠤᠨ ᠣᠷᠣᠯᠭ᠎ᠠ ᠳᠠᠬᠢ ᠬᠠᠷᠢᠴᠠᠯ ᠨᠢ 49.5%  ᠎ ᠳᠤ ᠬᠦᠷᠪᠡ᠃ ᠣᠳᠣᠬᠢᠴᠢᠯᠠᠭᠰᠠᠨ ᠦᠢᠯᠡᠴᠢᠯᠡᠭᠡᠨ ᠤ ᠠᠮᠢᠵᠢᠷᠠᠯ ᠤᠨ ᠬᠦᠴᠦᠨ ᠢ ᠴᠢᠩᠭᠠᠳᠬᠠᠵᠦ᠂ ᠰᠣᠶᠣᠯ ᠵᠣᠭᠠᠴᠠᠯ ᠤᠨ ᠦᠢᠯᠡᠰ ᠲᠠᠰᠣᠷᠠᠯᠳᠠ ᠦᠭᠡᠢ ᠬᠦᠭᠵᠢᠨ᠂ ᠬᠤᠩᠭᠤᠷᠭᠤᠣᠯ ᠵᠣᠭᠠᠴᠠᠯ ᠦᠵᠡᠮᠵᠢ ᠶᠢᠨ ᠣᠷᠣᠨ ᠤ 2 ᠵᠣᠴᠢᠯᠠᠬᠤ ᠲᠢᠩᠬᠢᠮ᠂ ᠵᠣᠭᠠᠴᠠᠯ ᠤᠨ ᠵᠠᠮ ᠱᠣᠭᠤᠮ ᠪᠠ ᠵᠣᠭᠠᠴᠠᠯ ᠤᠨ ᠣᠷᠣᠨ ᠤ ᠡᠬᠦᠳᠡ ᠶᠢᠨ ᠪᠠᠷᠢᠯᠭ᠎ᠠ ᠶᠢ ᠲᠠᠭᠤᠰᠬᠠᠵᠣ᠂ ᠪᠡᠯᠬᠦᠳᠡᠢ ᠵᠢᠰᠠ ᠶᠢᠨ ᠴᠡᠭᠡ ᠵᠠᠰᠠᠯᠭ᠎ᠠ ᠶᠢᠨ ᠡᠵᠡᠩᠨᠡᠯᠳᠡ ᠣᠷᠣᠭᠰᠢᠳᠠᠢ ᠶᠠᠪᠣᠭᠳᠠᠵᠣ᠂ ︽ᠠᠪᠠᠭ᠎ᠠ ᠠᠶᠢᠯ︾ ᠵᠣᠭᠠᠴᠠᠯ ᠤᠨ ᠴᠡᠭ 4᠎ ᠶᠢ ᠪᠠᠶᠢᠭᠤᠯᠣᠨ᠂ ᠭᠠᠵᠠᠷ ᠣᠷᠣᠨ ᠤ ᠦᠨᠳᠦᠰᠦᠳᠡᠨ ᠤ ᠣᠨᠴᠠᠯᠢᠭᠳᠦ ᠪᠦᠳᠦᠭᠡᠭᠳᠡᠬᠦᠨ ᠪᠣᠷᠣᠯᠠᠭᠤᠯᠬᠤ ᠵᠡᠬᠡᠯᠢ ᠳᠤ 45 ᠬᠤᠷᠰᠢᠶ᠎ᠠ ᠲᠡᠯᠭᠡᠬᠦᠷ ᠨᠡᠭᠡᠭᠡᠪᠡ︔ ᠨᠠᠰᠣᠵᠢᠯ᠂ ᠡᠯᠧᠺᠲᠷᠣᠨ ᠠᠷᠠᠯᠵᠢᠶ᠎ᠠ᠂ ᠵᠢᠵᠢᠭᠯᠡᠨ ᠪᠣᠷᠣᠯᠠᠭᠤᠯᠬᠤ ᠵᠡᠷᠭᠡ ᠦᠢᠯᠡᠴᠢᠯᠡᠭᠡᠨ ᠤ ᠦᠢᠯᠡᠰ ᠬᠦᠭᠵᠢᠵᠦ᠂ ᠦᠪᠡᠷᠳᠡᠭᠡᠨ ᠵᠠᠰᠠᠬᠤ ᠣᠷᠣᠨ ᠤ ᠬᠠᠮᠤᠭ ᠠᠩᠬᠠᠨ ᠤ ᠮᠠᠯᠵᠢᠬᠤ ᠣᠷᠣᠨ ᠤ ᠨᠠᠰᠣᠳᠠᠶᠢᠴᠣᠣᠯ ᠤᠨ ᠦᠢᠯᠡᠴᠢᠯᠡᠭᠡᠨ ᠤ ᠲᠦᠪ ᠢ ᠡᠷᠬᠢᠯᠡᠨ᠂ ᠲᠠᠯ᠎ᠠ ᠨᠣᠳᠤᠭ ᠤᠨ ᠰᠦᠯᠵᠢᠶᠡᠨ ᠲᠡᠯᠭᠡᠬᠦᠷ ᠢ ᠡᠬᠢᠯᠡᠨ ᠪᠠᠶᠢᠭᠤᠯᠵᠣ᠂ 1 ᠲᠣᠮᠣ ᠬᠡᠯᠪᠡᠷᠢ ᠶᠢᠨ ᠬᠤᠯᠪᠣᠭᠠᠳᠣ ᠲᠡᠯᠭᠡᠬᠦᠷ ᠭᠠᠷᠭᠠᠪᠠ︔ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠂ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠬᠡᠮᠵᠢᠶ᠎ᠡ 15.2 ᠳ᠋ᠦᠩᠰᠢᠭᠤᠷ ᠲᠦᠬᠦᠷᠢᠭ ᠪᠠ 12.6 ᠳ᠋ᠦᠩᠰᠢᠭᠤᠷ ᠲᠦᠬᠦᠷᠢᠭ ᠎ ᠲᠤ ᠬᠦᠷᠴᠦ᠂ 7.4%  ᠪᠠ 26.2%  ᠎ ᠢᠶᠠᠷ ᠨᠡᠮᠡᠭᠳᠡᠪᠡ︔ ᠪᠣᠳᠠᠰ ᠤᠨ ᠬᠦᠢᠯᠭᠡᠭᠡᠨ ᠤ ᠦᠢᠯᠡᠰ ᠲᠦᠷᠭᠡᠨ ᠭᠦᠭᠵᠢᠵᠦ᠂ ᠠᠶᠠᠨᠴᠢᠳ ᠤᠨ ᠡᠷᠬᠢᠯᠳᠡ ᠶᠢᠨ ᠬᠡᠮᠵᠢᠶ᠎ᠡ᠂ ᠪᠣᠳᠠᠰ ᠤᠨ ᠡᠷᠬᠢᠯᠳᠡ ᠶᠢᠨ ᠬᠡᠮᠵᠢᠶ᠎ᠡ ᠨᠢ 1.2 ᠳ᠋ᠦᠩᠰᠢᠭᠤᠷ ᠬᠦᠮᠦᠨ ᠺᠢᠯᠣᠮᠧᠲᠷ ᠪᠠ 2.7 ᠳ᠋ᠦᠩᠰᠢᠭᠤᠷ ᠲᠣᠨ ᠺᠢᠯᠣᠮᠧᠲᠷ ᠲᠤ ᠬᠦᠷᠴᠦ᠂ ᠲᠣᠰ ᠲᠣᠰ 1%  ᠪᠠ 5%  ᠎ ᠪᠠᠷ ᠨᠡᠮᠡᠭᠳᠡᠪᠡ᠃     ︵ᠬᠤᠶᠠᠷ︶ ᠬᠦᠭᠵᠢᠯᠳᠡ ᠶᠢᠨ ᠣᠷᠴᠢᠨ ᠲᠠᠰᠣᠷᠠᠯᠳᠠ ᠦᠭᠡᠢ ᠰᠠᠶᠢᠵᠢᠷᠠᠵᠦ  ᠂ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠴᠢᠩᠭᠠᠳᠬᠠᠪᠠ᠃ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠰᠢᠨ᠎ᠡ ᠱᠠᠳᠣᠨ ᠳᠤ ᠬᠦᠷᠴᠦ᠂ 6.1 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ᠂ ᠪᠡᠯᠬᠦᠳᠡᠢ ᠪᠠᠯᠭᠠᠰᠣᠨ ᠳᠤ 50 ᠢᠵᠢ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ ᠪᠠᠶᠢᠭᠤᠯᠣᠨ᠂ 1800 ᠡᠷᠦᠭᠡ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠵᠣ᠂ 29.8 ᠲᠦᠮᠡᠨ ᠲᠡᠭᠰᠢ ᠲᠦᠷᠪᠡᠯᠵᠢᠨ ᠮᠧᠲᠷ ᠲᠤ ᠭᠡᠷ ᠬᠦᠷᠦᠩᠭᠡ ᠭᠠᠵᠠᠷ ᠰᠢᠷᠣᠢ ᠶᠢᠨ ᠨᠡᠭᠡᠭᠡᠯᠳᠡ ᠬᠢᠪᠡ᠃ ᠬᠤᠳᠠ ᠶᠢᠨ ᠲᠣᠭᠤᠷᠢᠭ ᠤᠨ 324.5 ᠮᠦ ᠭᠠᠵᠠᠷ ᠢ ᠨᠣᠭᠤᠭᠠᠷᠠᠭᠤᠯᠣᠨ ᠂ ᠰᠢᠨ᠎ᠡ ᠪᠠᠷ 3 ᠵᠣᠷᠪᠣᠰ 2.8 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠵᠠᠰᠠᠵᠣ᠂ 4.3 ᠲᠦᠮᠡᠨ ᠲᠡᠭᠰᠢ ᠲᠦᠷᠪᠡᠯᠵᠢᠨ ᠮᠧᠲᠷ ᠵᠡᠭᠡᠯᠢ ᠭᠤᠳᠣᠮᠵᠢ ᠶᠢ ᠬᠠᠳᠠᠭᠤᠵᠢᠭᠤᠯᠪᠠ᠃ 2.3 ᠺᠢᠯᠤᠮᠧᠲᠷ ᠤᠨ ᠲᠦᠬᠡᠬᠡᠯ ᠤᠰᠤ ᠬᠠᠩᠭᠠᠵᠤ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ᠂ 10 ᠺᠢᠯᠤᠮᠧᠲᠷ ᠤᠨ ᠲᠦᠪᠯᠡᠷᠡᠩᠬᠦᠢ ᠲᠤᠯᠠᠭᠠᠯᠭ᠎ᠠ ᠶᠢᠨ ᠬᠤᠭᠤᠯᠠᠢ ᠶᠢ ᠰᠢᠨ᠎ᠠ ᠪᠠᠷ ᠤᠭᠰᠠᠷᠠᠭᠰᠡᠨ ᠪᠠ ᠵᠠᠰᠠᠨ ᠰᠠᠶᠢᠵᠢᠷᠠᠭᠤᠯᠵᠣ᠂ ᠤᠰᠤ ᠪᠠᠷ ᠴᠡᠪᠡᠷᠰᠢᠬᠦᠯᠬᠦ ᠵᠤᠷᠯᠤᠩ ᠰᠢᠨ᠎ᠠ ᠪᠠᠷ 6᠎ ᠶᠢ ᠪᠠᠷᠢᠨ᠂ ᠪᠣᠬᠢᠷ ᠣᠰᠣ ᠰᠢᠢᠳᠪᠣᠷᠢᠯᠡᠬᠦ ᠪᠠᠷᠢᠮᠵᠢᠶ᠎ᠠ ᠶᠢ ᠲᠡᠬᠡᠭᠰᠢᠯᠡᠬᠦᠯᠬᠦ ᠢᠨᠵᠧᠨᠧᠷᠢᠩ ᠢ ᠲᠠᠭᠤᠰᠬᠠᠵᠣ᠂ ᠴᠡᠪᠡᠷᠰᠢᠬᠦᠯᠦᠭᠰᠡᠨ ᠣᠰᠣ ᠨᠢ ᠪᠦᠬᠦ ᠠᠶᠢᠮᠠᠭ ᠲᠤ ᠬᠠᠮᠤᠭ  ᠲᠡᠷᠢᠬᠦᠨ ᠳᠤ ᠨᠢᠬᠡᠳᠤᠬᠡᠷ ᠲᠡᠰ ᠤᠨ A ᠪᠠᠷᠢᠮᠵᠢᠶᠠᠨ ᠳᠤ ᠬᠦᠷᠪᠠ᠃ ᠡᠬᠦᠨ ᠤ ᠬᠠᠮᠳᠤ 1.15 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂  ᠪᠣᠰᠣᠳ 6 ᠰᠤᠮᠤ ᠪᠠᠯᠭᠠᠰᠤᠨ ᠳᠤ ᠬᠠᠳᠠᠭᠤᠵᠢᠭᠤᠯᠤᠯᠳᠠ᠂ ᠨᠤᠭᠤᠭᠠᠷᠠᠭᠤᠯᠤᠯᠳᠠ᠂ ᠭᠤᠸᠠᠵᠢᠭᠤᠯᠤᠯᠳᠠ᠂ ᠭᠡᠭᠡᠵᠢᠬᠦᠯᠦᠯᠳᠡ ᠬᠢᠵᠦ᠂ ᠲᠦᠷᠢ ᠲᠦᠷᠬᠦ ᠶᠢ ᠨᠢ ᠢᠯᠡᠳᠳᠠ ᠰᠠᠶᠢᠵᠢᠷᠠᠭᠤᠯᠪᠠ᠃ ᠲᠤᠮᠤ ᠴᠢᠬᠤᠯᠠ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠰᠢᠨ᠎ᠠ ᠠᠬᠢᠴᠠ ᠲᠠᠢ ᠪᠤᠯᠵᠤ᠂ ᠠᠵᠤ ᠦᠢᠯᠡᠳᠪᠤᠷᠢ ᠳᠤ ᠤᠰᠤ ᠬᠠᠩᠭᠠᠬᠤ ᠤᠰᠤᠨ ᠰᠤᠷᠪᠤᠯᠵᠢ ᠶᠢᠨ ᠢᠡᠵᠧᠨᠧᠷᠢᠩ ᠤᠨ ᠤᠰᠤ ᠬᠠᠳᠠᠭᠠᠯᠠᠬᠤ ᠴᠦᠬᠦᠷᠤᠮ ᠤᠨ ᠰᠠᠭᠤᠷᠢ ᠲᠠᠯᠪᠢᠬᠤ ᠪᠠᠷᠢᠯᠭ᠎ᠠ ᠶᠢᠨ ᠬᠠᠭᠠᠰ ᠢᠯᠡᠬᠦᠦ ᠶᠢ ᠲᠠᠭᠤᠰᠬᠠᠨ᠂ ᠪᠠᠶᠠᠠᠭᠤᠤᠯ ᠤᠰᠤᠨ ᠴᠦᠬᠦᠷᠤᠮ ᠢ ᠵᠠᠰᠠᠨ ᠪᠠᠬᠢᠵᠢᠬᠦᠯᠬᠦ ᠪᠠᠷᠢᠯᠭ᠎ᠠ ᠶᠢ ᠪᠠᠶᠠᠯᠡᠬᠦᠯᠵᠣ᠂ ᠪᠠᠶᠠᠡᠴᠠᠭᠠᠨ ᠭᠤᠤᠯ ᠤᠨ 1.5 ᠲᠦᠮᠡᠨ ᠲᠡᠭᠰᠢ ᠲᠦᠷᠪᠡᠯᠵᠢᠨ ᠮᠧᠲᠷ ᠡᠷᠬᠢ ᠬᠠᠰᠢᠯᠭ᠎ᠠ ᠶᠢ ᠵᠠᠰᠠᠨ ᠪᠠᠬᠢᠵᠢᠬᠦᠯᠵᠤ᠂ ᠴᠠᠭᠠᠨᠨᠠᠭᠤᠷ 110 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠬᠡᠨ ᠎ ᠤ ᠢᠡᠵᠧᠨᠧᠷᠢᠩ᠂ ᠬᠤᠩᠭᠤᠷ ᠰᠦᠮ᠎ᠠ ᠶᠢᠨ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠢᠨᠵᠧᠨᠧᠷᠢᠩ᠂ 10 ᠺᠢᠯᠣᠸᠣᠯᠲ ᠠᠴᠠ ᠲᠤᠷᠤᠭᠰᠢᠬᠢ ᠴᠠᠬᠢᠯᠭᠠᠨ ᠬᠤᠪᠢᠰᠬᠠᠬᠤ ᠢᠨᠵᠧᠨᠧᠷᠢᠩ ᠵᠡᠷᠭᠡ ᠶᠢᠨ ᠪᠠᠷᠢᠯᠭ᠎ᠠ᠂ ᠰᠢᠯᠢ ᠶᠢᠨ ᠬᠤᠳᠠ ᠠᠴᠠ ᠡᠷᠢᠶᠠᠨ ᠤᠷᠤᠬᠤ ᠲᠠᠮᠤᠷ ᠵᠠᠮ ᠤᠨ ᠮᠠᠨ ᠤ ᠬᠤᠰᠢᠭᠤᠨ ᠳᠤ ᠪᠠᠶᠢᠭ᠎ᠠ ᠬᠡᠰᠡᠭ ᠲᠤ ᠭᠠᠯᠳᠤ ᠲᠡᠷᠬᠡ ᠨᠠᠪᠳᠠᠷᠠᠬᠦᠯᠵᠤ᠂ 303᠂ 331 ᠤᠯᠤᠰ ᠤᠨ ᠲᠡᠰ ᠤᠨ ᠵᠠᠮ ᠤᠨ ᠮᠠᠨ ᠤ ᠬᠤᠰᠢᠭᠤᠨ ᠳᠠᠬᠢ ᠬᠡᠰᠡᠭ ᠢ ᠵᠠᠰᠠᠨ ᠰᠠᠶᠢᠵᠢᠷᠠᠭᠤᠯᠵᠤ ᠲᠡᠰ ᠲᠡᠪᠰᠢᠬᠦᠯᠬᠦ ᠢᠡᠵᠧᠨᠧᠷᠢᠩ ᠢ ᠡᠬᠢᠯᠡᠬᠦᠯᠤᠨ᠂ 92 ᠺᠢᠯᠤᠮᠧᠲᠷ ᠤᠨ ᠭᠠᠴᠠᠭᠠᠨ ᠳᠤ ᠨᠠᠪᠳᠠᠷᠠᠬᠦ ᠵᠠᠮ ᠢ ᠵᠠᠰᠠᠨ ᠰᠠᠶᠢᠵᠢᠷᠠᠭᠤᠯᠪᠠ᠃ ᠲᠠᠯ᠎ᠠ ᠨᠤᠳᠤᠭ ᠤᠨ ᠠᠮᠢ ᠠᠬᠤᠢ ᠶᠢ ᠪᠦᠳᠤᠮᠵᠢᠳᠡᠢ ᠬᠠᠮᠠᠭᠠᠯᠠᠨ᠂ 1.4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 3709 ᠮᠦ ᠳᠤ ᠮᠠᠯ ᠪᠡᠯᠴᠢᠭᠡᠷ ᠤᠨ ᠲᠡᠩᠴᠡᠬᠦᠷᠢᠰᠢᠯ ᠢ ᠪᠠᠳᠣᠯᠠᠨ᠂ 416 ᠲᠦᠮᠡᠨ ᠮᠤ᠋ ᠳᠤ ᠪᠠᠯᠴᠢᠬᠡᠷᠯᠡᠬᠦᠯᠬᠦ ᠶᠢ ᠵᠤᠭᠰᠤᠭᠠᠵᠤ᠂ 7.7 ᠲᠦᠮᠡᠨ ᠮᠤ᠋ ᠣᠶᠢᠵᠢᠭᠤᠯᠣᠨ᠂ 2300 ᠮᠤ᠋ ᠭᠤᠤᠯᠳᠠᠯᠭ᠎ᠠ ᠲᠠᠢ ᠭᠠᠵᠡᠷ ᠤᠷᠤᠨ ᠢ ᠨᠤᠭᠤᠭᠠᠷᠠᠭᠤᠯᠵᠤ᠂ ᠬᠤᠯᠤᠭᠠᠨ᠎ᠠ ᠴᠠᠷᠴᠠᠬᠠᠢ ᠶᠢᠨ ᠭᠠᠮᠰᠢᠭ ᠲᠤ ᠠᠪᠳᠠᠭᠰᠡᠨ118 ᠲᠦᠮᠡᠨ ᠮᠤ᠋ ᠨᠤᠳᠤᠭ ᠪᠠᠯᠴᠢᠬᠡᠷ ᠢ ᠰᠠᠷᠬᠦᠬᠡᠨ᠂ 4650 ᠮᠤ᠋ ᠭᠠᠵᠡᠷ ᠰᠢᠷᠣᠢ ᠶᠢᠨ ᠤᠷᠴᠢᠨ ᠲᠤᠭᠤᠷᠢᠨ ᠢ ᠵᠠᠰᠠᠨ ᠰᠡᠷᠭᠦᠭᠡᠵᠦ᠂ ᠠᠭᠠᠷ ᠮᠠᠡᠳᠠᠯ ᠤᠨ ᠪᠤᠬᠢᠷᠳᠤᠯ ᠢ ᠰᠠᠷᠬᠡᠶᠢᠯᠡᠨ ᠵᠠᠰᠠᠬᠤ ᠠᠵᠢᠯ ᠢ ᠬᠦᠡᠵᠡᠬᠡᠢ ᠦᠷᠨᠢᠬᠦᠯᠤᠨ᠂ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠠᠶᠢᠮᠠᠭ ᠤᠨ ᠵᠢᠭᠠᠯᠳᠠ ᠲᠣᠭᠠᠨ ᠤ ᠲᠣᠳᠣᠷ᠎ᠠ ᠬᠢᠵᠠᠭᠠᠷᠯᠠᠪᠠ᠃     ︵ᠭᠤᠷᠪᠠ︶ ᠬᠦᠭᠵᠢᠯᠳᠡ ᠶᠢᠨ ᠠᠮᠢᠵᠢᠷᠠᠯ ᠤᠨ ᠬᠦᠴᠦᠨ ᠲᠠᠰᠣᠷᠠᠯᠳᠠ ᠦᠭᠡᠢ ᠴᠢᠩᠭᠠᠳᠴᠦ᠂ ᠦᠭᠡᠷᠡᠴᠢᠯᠡᠯᠳᠡ ᠨᠡᠭᠡᠭᠡᠯᠳᠡ ᠶᠢ ᠠᠬᠢᠭᠤᠯᠪᠠ᠃ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠣᠨ᠂ 259 ᠲᠦᠷᠦᠯ ᠤᠨ ᠦᠭᠡᠷᠡᠴᠢᠯᠡᠯᠳᠡ ᠶᠢ ᠡᠬᠢᠯᠡᠬᠦᠯᠵᠦ᠂ 249 ᠲᠦᠷᠦᠯ ᠨᠢ ᠦᠷ᠎ᠡ ᠪᠦᠳᠦᠮᠵᠢ ᠣᠯᠪᠠ᠃ ︽ᠭᠤᠷᠪᠠᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠢ ᠨᠢᠭᠡ ᠨᠣᠮᠧᠷ︾③᠎ ᠲᠠᠢ ᠪᠠᠶᠢᠯᠭᠠᠬᠤ ᠡᠵᠡᠩᠨᠡᠯᠳᠡ ᠶᠢᠨ ᠦᠨᠡᠮᠯᠡᠯ ᠢ 51 ᠬᠤᠪᠢ ᠲᠠᠷᠬᠠᠭᠠᠵᠣ᠂ 2464 ᠲᠦᠷᠦᠯ ᠤᠨ ᠵᠠᠰᠠᠭ ᠵᠠᠬᠢᠷᠭᠠᠨ ᠤ ᠡᠷᠭᠡ ᠶᠢ ᠪᠦᠬᠦᠨ ᠢ ᠢᠯᠡ ᠪᠠᠷ ᠨᠡᠶᠢᠳᠡᠯᠡᠪᠡ︔ ᠬᠠᠮᠳᠣ ᠶᠢᠨ ᠭᠠᠵᠠᠷ ᠰᠢᠷᠣᠢ ᠪᠠ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠭᠡ ᠶᠢ ᠲᠣᠳᠣᠷᠬᠠᠶᠢᠯᠠᠨ ᠲᠠᠩᠰᠠᠯᠠᠬᠤ ᠠᠵᠢᠯ ᠨᠢ ᠠᠶᠢᠮᠠᠭ ᠤᠨ ᠬᠢᠨᠠᠨ ᠰᠢᠯᠭᠠᠯᠳᠠ ᠳᠤ ᠬᠢᠷᠢ ᠲᠡᠩᠴᠠᠪᠠ︔ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ ᠨᠢ ᠡᠳ᠋ ᠤᠨ ᠶᠠᠪᠣᠳᠠᠯ ᠤᠨ ᠲᠦᠰᠦᠪ ᠢᠶᠠᠨ ᠢᠯᠡ ᠪᠠᠷ ᠨᠡᠶᠢᠳᠡᠯᠡᠵᠦ᠂ ᠪᠦᠬᠦᠶᠢᠯᠡ ᠲᠣᠰᠬᠠᠢ ᠲᠦᠷᠦᠯ ᠵᠦᠢᠯ ᠳᠤ ᠲᠦᠰᠦᠪᠯᠡᠨ ᠪᠣᠳᠣᠯᠳᠠ ᠶᠢᠨ ᠦᠷ᠎ᠡ ᠪᠦᠳᠦᠮᠵᠢ ᠶᠢᠨ ᠬᠠᠮᠢᠶᠠᠷᠣᠯᠳᠠ ᠶᠢ ᠭᠡᠷᠡᠭᠵᠢᠬᠦᠯᠪᠡ︔ ᠠᠵᠣ ᠠᠬᠤᠶᠢᠯᠠᠯ ᠤᠨ ᠰᠦᠢᠳᠭᠡᠯ ᠬᠤᠷᠢᠶᠠᠬᠤ ᠵᠦᠪᠰᠢᠶᠡᠷᠡᠯ ᠤᠨ ᠦᠨᠡᠮᠯᠡᠯ ᠪᠠ ᠬᠢᠨᠠᠨ ᠪᠣᠳᠣᠯᠳᠠ ᠶᠢᠨ ᠲᠦᠷᠢᠮ ᠵᠢᠴᠢ 5 ᠲᠦᠷᠦᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠳᠠᠢ ᠰᠦᠢᠳᠭᠡᠯ ᠢ ᠦᠭᠡᠶᠢᠰᠭᠡᠨ᠂ 7᠎ ᠶᠢ ᠨᠢ ᠲᠦᠷ ᠵᠣᠭᠰᠣᠭᠠᠵᠣ᠂ ᠵᠢᠵᠢᠭ ᠠᠵᠣ ᠠᠬᠤᠶᠢᠯᠠᠯ ᠤᠨ 42 ᠲᠦᠷᠦᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠳᠠᠢ ᠰᠦᠢᠳᠭᠡᠯ ᠢ ᠬᠡᠯᠳᠦᠷᠢᠬᠦᠯᠪᠡ︔ ᠬᠤᠰᠢᠭᠤᠨ ᠤ ᠣᠯᠠᠨ ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠦᠪ ᠢ ᠪᠠᠶᠢᠭᠤᠯᠣᠨ᠂ ᠠᠶᠢᠮᠠᠭ ᠤᠨ ᠰᠣᠯᠢᠯᠴᠠᠭᠠᠨ ᠤ ᠲᠦᠪ ᠲᠠᠢ ᠠᠮᠵᠢᠯᠳᠠ ᠎ ᠲᠠᠢ ᠵᠣᠯᠭᠠᠭᠤᠯᠪᠠ︔ ᠬᠤᠰᠢᠭᠤ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠳᠤ ᠴᠦᠮ ᠡᠮ ᠎ ᠤᠨ ᠵᠦᠢᠯᠡᠰ ᠢ ᠣᠣᠯ ᠦᠨ᠎ᠡ ᠪᠠᠷ ᠨᠢ ᠪᠣᠷᠣᠯᠠᠭᠤᠯᠵᠣ᠂ ᠬᠤᠰᠢᠭᠤ ᠡᠮᠨᠡᠯᠭᠡ ᠶᠢᠨ ᠬᠤᠷᠢᠶᠠᠨ ᠠᠴᠠ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠮᠠᠯᠴᠢᠳ ᠲᠤ ︽ᠣᠷᠢᠳᠠᠪᠠᠷ ᠡᠮᠨᠡᠵᠦ᠂ ᠰᠡᠬᠦᠯᠡᠷ ᠨᠢ ᠰᠦᠢᠳᠭᠡᠯ ᠲᠣᠰᠢᠶᠠᠬᠤ︾ ᠲᠦᠷᠢᠮ ᠢ ᠬᠡᠷᠡᠭᠵᠢᠬᠦᠯᠪᠡ︔ ᠰᠣᠶᠣᠯ ᠲᠠᠮᠢᠷ ᠷᠠᠳᠢᠣ᠋ ᠲᠧᠯᠸᠢᠰ᠂ ᠵᠣᠭᠠᠴᠠᠯ᠂ ᠶᠠᠳᠠᠭᠤ ᠶᠢ ᠲᠡᠳᠬᠦᠬᠦ ᠵᠡᠷᠭᠡ ᠪᠠᠶᠢᠭᠤᠯᠣᠮᠵᠢ ᠶᠢᠨ ᠦᠭᠡᠷᠡᠴᠢᠯᠡᠯᠳᠡ ᠶᠢᠨ ᠠᠵᠢᠯ ᠢ ᠣᠷᠣᠭᠰᠢᠳᠠᠢ ᠪᠡᠶᠡᠯᠡᠬᠦᠯᠦᠨ᠂ ᠣᠯᠠᠭᠠᠨᠮᠦ᠋ᠴᠢᠷ᠂ ᠨᠣᠮ ᠤᠨ ᠰᠠᠩ᠂ ᠮᠦᠽᠸᠢ᠂ ᠰᠣᠶᠣᠯ ᠤᠨ ᠣᠷᠳᠣᠨ ᠤ ᠲᠣᠳᠣᠭᠠᠳᠣ ᠪᠠᠶᠢᠭᠤᠯᠣᠮᠵᠢ ᠳᠤ ᠦᠭᠡᠷᠡᠴᠢᠯᠡᠯᠳᠡ ᠬᠢᠪᠠ︔ ᠦᠪᠡᠷᠳᠡᠭᠡᠨ ᠵᠠᠰᠠᠬᠤ ᠣᠷᠣᠨ᠂ ᠠᠶᠢᠮᠠᠭ ᠪᠠ ᠮᠣᠩᠭᠤᠯ ᠣᠯᠣᠰ ᠤᠨ ᠬᠤᠭᠤᠷᠣᠨᠳᠣᠬᠢ ᠬᠠᠮᠳᠣᠷᠠᠯᠴᠠᠭ᠎ᠠ ᠰᠣᠯᠢᠯᠴᠠᠭᠠᠨ ᠤ ᠠᠵᠢᠯ ᠳᠤ ᠢᠳᠡᠪᠬᠢᠳᠡᠢ ᠣᠷᠣᠯᠴᠠᠵᠣ᠂ ᠦᠪᠡᠷᠳᠡᠭᠡᠨ ᠵᠠᠰᠠᠬᠤ ᠣᠷᠣᠨ ᠠᠴᠠ ᠨᠠᠷᠠᠨᠪᠣᠯᠠᠭ ᠬᠢᠯᠢ ᠎ ᠶᠢᠨ ᠠᠷᠠᠳ ᠤᠨ ᠨᠡᠪᠳᠡᠷᠡᠯᠴᠡᠭᠡᠨ ᠤ ᠵᠠᠮ ᠨᠡᠭᠡᠭᠡᠬᠦ ᠶᠢ ᠵᠦᠪᠰᠢᠶᠡᠷᠡᠪᠡ︔ ᠨᠡᠭᠡᠭᠡᠯᠳᠡ ᠬᠠᠮᠳᠣᠷᠠᠯᠴᠠᠭ᠎ᠠ ᠪᠠᠨ ᠴᠢᠩᠭᠠᠳᠬᠠᠨ᠂ ᠬᠦᠭᠵᠢᠭᠰᠡᠨ ᠣᠷᠣᠨ ᠲᠠᠢ ᠢᠳᠡᠪᠬᠢᠳᠡᠢ ᠬᠠᠷᠢᠯᠴᠠᠵᠣ᠂ ᠡᠯ᠎ᠡ ᠲᠦᠷᠦᠯ ᠤᠨ ᠠᠷᠠᠯᠵᠢᠶᠠᠨ ᠤ ᠬᠡᠯᠡᠯᠴᠡᠭᠡᠷ ᠤᠨ ᠠᠵᠢᠯᠯᠠᠭ᠎ᠠ ᠳᠤ ᠢᠳᠡᠪᠬᠢᠳᠡᠢ ᠣᠷᠣᠯᠴᠠᠨ᠂ ᠪᠦᠬᠦ ᠵᠢᠯ ᠳᠤ 33.8 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠣᠷᠢᠨ ᠣᠷᠣᠭᠤᠯᠵᠣ ᠵᠦᠪᠳᠡᠯᠴᠡᠭᠡᠷ ᠲᠣᠭᠳᠠᠪᠠ᠃     ︵ᠲᠥᠷᠪᠡ︶ ᠨᠡᠶᠢᠭᠡᠮ ᠤᠨ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠵᠦ᠂ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠰᠠᠶᠢᠳᠤᠷ ᠠᠳᠬᠤᠪᠠ᠃ ᠠᠷᠠᠳ ᠤᠨ ᠠᠮᠢᠳᠤᠷᠠᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠨ᠂ ᠵᠢᠯ ᠤᠨ ᠡᠬᠢᠨ ᠳᠤ ᠠᠮᠠᠯᠳᠤᠭᠰᠠᠨ ︽ᠠᠷᠪᠠᠨ ᠪᠤᠳᠠᠳᠤ ᠶᠠᠪᠤᠳᠠᠯ︾᠎ ᠢᠶᠠᠨ ᠪᠦᠬᠦᠨ ᠢ ᠪᠡᠶᠡᠯᠡᠬᠦᠯᠵᠤ᠂ ᠪᠥᠬᠦ ᠵᠢᠯ ᠳᠤ᠂ ᠠᠷᠠᠳ ᠤᠨ ᠠᠮᠢᠳᠤᠷᠠᠯ ᠳᠤ 6.4 ᠳ᠋ᠥᠩᠰᠢᠭᠤᠷ ᠲᠥᠭᠦᠷᠢᠭ ᠵᠠᠷᠤᠴᠠᠭᠤᠯᠵᠦ᠂ 24.5%᠎ ᠪᠠᠷ ᠨᠡᠮᠡᠭᠳᠡᠨ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ 64.6%᠎ ᠶᠢ ᠡᠵᠡᠯᠡᠪᠡ᠃ ︽ᠠᠷᠪᠠ ᠶᠢ ᠪᠥᠷᠬᠦᠬᠦᠯᠬᠦ︾ ᠢᠨᠵᠧᠨᠧᠷᠢᠩ ᠢ ᠬᠥᠨᠵᠡᠭᠡᠢ ᠲᠥᠯᠬᠢᠨ ᠠᠬᠢᠭᠤᠯᠵᠤ᠂ ᠲᠣᠰ ᠵᠢᠯ ᠳᠤ 3.26 ᠳ᠋ᠥᠩᠰᠢᠭᠤᠷ ᠲᠥᠭᠦᠷᠢᠭ ᠤᠨ ᠪᠡᠯᠡ ᠤᠷᠤᠭᠤᠯᠤᠨ᠂ 2312 ᠰᠠᠭᠤᠷᠢ ᠭᠡᠷ ᠪᠠᠶᠢᠰᠢᠩ ᠢ ᠡᠨᠧᠷᠬᠢ ᠠᠷᠪᠢᠯᠠᠬᠤ ᠪᠠᠷ ᠥᠭᠡᠷᠡᠴᠢᠯᠡᠨ ᠵᠠᠰᠠᠵᠤ᠂ 1560 ᠨᠤᠷᠠᠬᠤ ᠠᠶᠤᠯᠲᠠᠢ ᠭᠡᠷ ᠪᠠᠶᠢᠰᠢᠩ ᠢ ᠨᠤᠷᠠᠭᠠᠨ᠂ ᠮᠠᠯᠴᠢᠳ ᠲᠤ 215 ᠰᠢᠨ᠎ᠡ ᠤᠷᠤᠨ ᠰᠠᠭᠤᠴᠠ ᠪᠠᠷᠢᠵᠤ ᠥᠭᠭᠦᠨ᠂ 332 ᠬᠤᠳᠲᠤᠭ ᠤᠬᠤᠵᠤ᠂ 511 ᠤᠰᠤ ᠬᠠᠳᠠᠭᠠᠯᠠᠬᠤ ᠵᠤᠭᠤᠷᠢ ᠪᠠᠷᠢᠨ᠂ 13 ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠵᠣ᠂ 2 ᠰᠤᠶᠤᠯ ᠤᠨ ᠦᠷᠦᠭᠡ᠂ 2 ᠲᠤᠭᠠᠴᠢᠯᠠᠭᠰᠠᠨ ᠲᠣᠯᠬᠢᠶᠠᠨ ᠲᠠᠮᠵᠢᠭᠤᠯᠬᠤ ᠥᠷᠳᠡᠭᠡ ᠪᠠᠶᠢᠭᠤᠯᠤᠨ᠂ 73.2 ᠺᠢᠯᠥᠮᠧᠲᠷ ᠤᠨ ᠵᠡᠭᠡᠯᠢ ᠭᠤᠳᠤᠮᠵᠢ ᠶᠢ ᠬᠠᠳᠠᠭᠤᠵᠢᠭᠤᠯᠵᠤ᠂ 90 ᠮᠠᠯᠵᠢᠬᠤ ᠡᠷᠥᠭᠡ ᠳᠤ ᠲᠣᠣᠷᠴᠢᠯᠠᠭᠰᠠᠨ ᠴᠠᠬᠢᠯᠭᠠᠨ ᠨᠡᠪᠳᠡᠷᠡᠭᠦᠯᠥᠨ ᠥᠭᠴᠤ᠂ 170 ᠢᠵᠢ ᠨᠠᠷᠠ ᠰᠠᠯᠬᠢᠨ ᠢ ᠬᠠᠪᠰᠤᠷᠭᠠᠭᠰᠠᠨ ᠲᠥᠭᠦᠭᠡᠷᠥᠮᠵᠢ ᠤᠭᠰᠠᠷᠠᠨ᠂ 2000 ᠢᠵᠢ ︽ᠡᠷᠥᠭᠡ ᠪᠤᠯᠭᠠᠨ ᠳᠤ ᠨᠡᠪᠲᠡᠷᠡᠭᠦᠯᠬᠦ︾ ᠲᠥᠭᠦᠭᠡᠷᠥᠮᠵᠢ ᠲᠠᠷᠬᠠᠭᠠᠪᠠ︔ ᠮᠠᠯᠵᠢᠬᠤ ᠤᠷᠤᠨ ᠳᠤ ᠪᠠᠶᠢᠩᠭᠤ ᠰᠠᠭᠤᠭ᠎ᠠ ᠬᠥᠮᠥᠨ ᠠᠮᠠ ᠳᠤ 732 ᠲᠥᠮᠡᠨ ᠲᠥᠭᠦᠷᠢᠭ ᠤᠨ ᠨᠠᠰᠤᠵᠢᠯ᠂ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠥᠨᠳᠤᠷ ᠨᠠᠰᠤᠨ ᠤ ᠨᠥᠬᠦᠪᠥᠷᠢ ᠶᠢ ᠲᠠᠷᠬᠠᠭᠠᠪᠠ᠃ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠢᠶᠠᠷ ᠥᠷᠨᠢᠭᠦᠯᠵᠤ᠂ 1.5 ᠳ᠋ᠥᠩᠰᠢᠭᠤᠷ ᠲᠥᠭᠦᠷᠢᠭ ᠤᠨ ᠮᠥᠩᠭᠦᠨ ᠬᠥᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ ᠲᠠᠷᠬᠠᠭᠠᠨ᠂ 4150 ᠡᠮ᠎ᠡ ᠬᠤᠨᠢ᠂ 658 ᠰᠢᠮᠧᠨᠧᠲ᠋ᠡᠷ ᠥᠭᠡᠷ ᠢᠶᠠᠷ ᠲᠡᠳᠭᠦᠨ᠂ 1929 ᠮᠠᠯᠵᠢᠬᠤ ᠡᠷᠦᠭᠡ ᠠᠰᠢᠭ ᠬᠦᠷᠳᠡᠪᠡ᠃ 896 ᠲᠥᠮᠡᠨ ᠲᠥᠭᠦᠷᠢᠭ ᠤᠨ ᠪᠡᠯᠡ ᠤᠷᠤᠭᠤᠯᠤᠨ ᠲᠤᠭᠳᠠᠭᠰᠠᠨ ᠴᠡᠭ ᠲᠤ ᠶᠠᠳᠠᠭᠤ ᠶᠢ ᠲᠡᠳᠭᠦᠵᠤ᠂ 52 ᠲᠥᠮᠡᠨ ᠲᠥᠭᠦᠷᠢᠭ ᠤᠨ ᠥᠢᠯᠡᠰ ᠪᠤᠰᠬᠠᠬᠤ ᠰᠠᠭᠤᠷᠢ ᠮᠥᠩᠭᠦ ᠲᠠᠷᠬᠠᠭᠠᠨ᠂ 511ᠡᠷᠥᠭᠡ ᠶᠢᠨ 1341 ᠬᠥᠮᠥᠨ ᠎ ᠢ ᠶᠠᠳᠠᠭᠤ ᠠᠴᠠ ᠠᠩᠬᠢᠵᠢᠷᠠᠭᠤᠯᠪᠠ᠃ ᠥᠢᠯᠡᠰ ᠡᠷᠬᠢᠯᠡᠵᠤ ᠠᠳᠠᠯ ᠪᠣᠰᠬᠠᠬᠤ ᠠᠵᠢᠯ ᠢ ᠠᠬᠢᠭᠤᠯᠵᠤ᠂ 2302 ᠨᠡᠷ᠎ᠡ ᠬᠤᠲᠠ ᠬᠥᠳᠡᠭᠡ ᠶᠢᠨ ᠬᠦᠮᠦᠰ ᠢ ᠤᠷᠤᠨᠰᠢᠭᠤᠯᠤᠨ᠂ 1750 ᠲᠥᠮᠡᠨ ᠲᠥᠭᠦᠷᠢᠭ ᠤᠨ ᠪᠠᠭ᠎ᠠ ᠲᠣᠭᠠᠨ ᠤ ᠪᠠᠳᠣᠯᠠᠭᠠᠳᠣ ᠵᠢᠭᠡᠯᠡᠯᠭᠡ ᠲᠠᠯᠪᠢᠵᠤ᠂ 240 ᠬᠥᠮᠥᠨ ᠤ ᠠᠳᠠᠯ ᠥᠢᠯᠡᠰ ᠪᠤᠰᠬᠠᠬᠤ ᠶᠢ ᠲᠠᠮᠵᠢᠨ᠂ ︽ᠠᠵᠢᠯᠯᠠᠭᠰᠠᠳ ᠥᠭᠡᠢ︾ ᠭᠡᠷ ᠪᠥᠯᠢ ᠪᠠᠶᠢᠬᠤ ᠥᠭᠡᠢ ᠶᠢ ᠪᠡᠶᠡᠯᠡᠭᠦᠯᠵᠤ᠂ ᠬᠤᠲᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 2%᠎ ᠤᠨ ᠲᠤᠳᠤᠷ᠎ᠠ ᠬᠢᠵᠠᠭᠠᠷᠯᠠᠪᠠ᠃ ᠨᠡᠶᠢᠭᠡᠮ ᠤᠨ ᠪᠠᠳᠤᠯᠠᠭ᠎ᠠ ᠶᠢᠨ ᠬᠢᠷᠢ ᠲᠥᠪᠰᠢᠨ ᠢ ᠲᠤᠭᠳᠠᠭᠤᠨ ᠢᠶᠠᠷ ᠲᠡᠭᠡᠭᠰᠢᠯᠡᠭᠦᠯᠵᠤ᠂ ᠰᠢᠨ᠎ᠡ ᠬᠡᠯᠪᠡᠷᠢ ᠶᠢᠨ ᠮᠠᠯᠵᠢᠬᠤ ᠤᠷᠤᠨ ᠎ ᠤ ᠬᠤᠷᠰᠢᠭᠰᠠᠨ ᠡᠮᠨᠡᠯᠭᠡ ᠪᠠᠷ 1277 ᠲᠥᠮᠡᠨ ᠲᠥᠭᠦᠷᠢᠭ᠂  ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠭᠡ ᠶᠢᠨ ᠲᠠᠭᠠᠳᠬᠠᠯ ᠢᠶᠠᠷ 459 ᠲᠥᠮᠡᠨ ᠲᠥᠭᠦᠷᠢᠭ ᠤᠨ ᠡᠮᠨᠡᠯᠭᠡ ᠶᠢᠨ ᠰᠥᠢᠳᠭᠡᠯ ᠴᠠᠶᠢᠷᠠᠭᠤᠯᠵᠤ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠥᠨᠳᠤᠰᠤᠨ ᠨᠠᠰᠤᠵᠢᠯ ᠤᠨ ᠮᠥᠩᠭᠦ ᠶᠢ ᠲᠣᠮᠳᠠᠴᠢ ᠪᠠᠷ ᠰᠠᠷ᠎ᠠ ᠪᠥᠷᠢ 167 ᠲᠥᠭᠦᠷᠢᠭ ᠨᠡᠮᠡᠭᠳᠡᠭᠦᠯᠪᠡ᠃ ᠬᠤᠲᠠ ᠬᠥᠳᠡᠭᠡ ᠶᠢᠨ  ᠬᠤᠲᠠ ᠬᠥᠳᠡᠭᠡ ᠶᠢᠨ ᠬᠠᠮᠤᠭ ᠨᠠᠭᠠᠲᠤ ᠵᠠᠬ᠎ᠠ ᠎ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ 15%᠎ ᠪᠠᠷ ᠲᠡᠭᠡᠭᠰᠢᠯᠡᠭᠦᠯᠵᠤ᠂ ᠮᠠᠯᠵᠢᠬᠤ ᠤᠷᠤᠨ ᠤ ᠤᠷᠤᠯᠭ᠎ᠠ ᠪᠠᠭᠠᠲᠠᠢ 2306 ᠡᠷᠥᠭᠡ ᠳᠤ 138.3 ᠲᠥᠮᠡᠨ ᠲᠥᠭᠦᠷᠢᠭ ᠤᠨ ᠲᠥᠯᠡᠰᠢᠨ ᠤ ᠨᠥᠬᠦᠪᠥᠷᠢ ᠲᠠᠷᠬᠠᠭᠠᠪᠠ᠃ ᠰᠤᠷᠭᠠᠨ ᠬᠥᠮᠥᠵᠢᠯ ᠤᠨ ᠬᠥᠭᠵᠢᠯᠲᠡ ᠶᠢᠨ ᠬᠢᠷᠢ ᠲᠥᠪᠰᠢᠨ ᠶᠢ ᠲᠠᠰᠤᠷᠠᠯᠲᠠ ᠥᠭᠡᠢ ᠲᠡᠭᠡᠭᠰᠢᠯᠡᠭᠦᠯᠤᠨ᠂ ᠰᠠᠭᠤᠷᠢ ᠰᠣᠷᠭᠠᠨ ᠬᠦᠮᠦᠵᠢᠯ ᠤᠨ ᠶᠠᠰᠣ ᠴᠢᠨᠠᠷ ᠢ ᠲᠡᠭᠡᠭᠰᠢᠯᠡᠬᠦᠯᠬᠦ ᠭᠤᠷᠪᠠᠨ ᠵᠢᠯ ᠤᠨ ᠲᠦᠯᠦᠪᠯᠡᠭᠡ ᠶᠢ ᠡᠬᠢᠯᠡᠬᠦᠯᠵᠦ᠂ 31 ᠨᠡᠷ᠎ᠡ ᠲᠣᠮᠳᠠᠳᠣ ᠪᠠᠭ᠎ᠠ ᠰᠤᠷᠭᠠᠭᠤᠯᠢ ᠶᠢᠨ ᠪᠠᠭᠰᠢ ᠶᠢ ᠤᠷᠢᠨ ᠬᠡᠷᠡᠭᠯᠡᠵᠤ᠂ 556 ᠲᠥᠮᠡᠨ ᠲᠥᠭᠦᠷᠢᠭ ᠤᠨ ᠰᠤᠷᠤᠯᠭ᠎ᠠ ᠲᠡᠳᠬᠦᠬᠦ ᠮᠥᠩᠭᠦ ᠶᠢ ᠲᠠᠷᠬᠠᠭᠠᠨ᠂ 2 ᠲᠣᠮᠳᠠᠳᠣ ᠰᠣᠷᠭᠠᠭᠤᠯᠢ ᠶᠢᠨ ᠲᠠᠮᠢᠷ ᠤᠨ ᠣᠷᠳᠣᠨ ᠤ ᠪᠠᠷᠢᠯᠭ᠎ᠠ ᠶᠢ ᠡᠬᠢᠯᠡᠬᠦᠯᠦᠨ᠂ 600 ᠲᠥᠮᠡᠨ ᠲᠥᠭᠦᠷᠢᠭ ᠤᠨ ᠪᠡᠯᠡ ᠤᠷᠤᠭᠤᠯᠤᠨ ᠲᠤᠮᠳᠠᠳᠤ ᠪᠠᠭ᠎ᠠ ᠰᠤᠷᠭᠠᠭᠤᠯᠢ ᠳᠤ ᠰᠤᠷᠭᠠᠨ ᠬᠥᠮᠥᠵᠢᠯ ᠤᠨ ᠲᠤᠨᠤᠭ ᠲᠥᠭᠦᠭᠡᠷᠥᠮᠵᠢ ᠤᠭᠰᠠᠷᠠᠨ ᠥᠭᠴᠤ᠂ ᠪᠥᠬᠦ ᠤᠷᠤᠨ ᠳᠤ ᠪᠠᠨ ᠨᠢᠭᠡᠳᠤᠭᠡᠷ ᠨᠡᠷ᠎ᠡ ᠶᠢᠨ ᠰᠢᠯᠢᠳᠡᠭ ᠪᠥᠳᠥᠮᠵᠢ ᠪᠠᠷ ᠤᠯᠤᠰ ᠤᠨ ᠠᠯᠪᠠᠨ ᠵᠢᠷᠤᠮ ᠤᠨ ᠰᠣᠷᠭᠠᠨ ᠬᠦᠮᠦᠵᠢᠯ ᠤᠨ ᠲᠡᠩᠴᠡᠭᠦᠷᠢ ᠲᠠᠢ ᠬᠥᠭᠵᠢᠯᠲᠡ ᠶᠢᠨ ᠬᠠᠷᠠᠯᠲᠠ ᠶᠢᠨ ᠰᠢᠯᠭᠠᠨ ᠥᠨᠡᠯᠡᠯᠲᠡ ᠶᠢ ᠥᠩᠭᠡᠷᠡᠭᠡᠪᠡ᠃ ᠡᠷᠡᠭᠦᠯ ᠬᠠᠮᠠᠭᠠᠯᠠᠯ ᠲᠥᠯᠥᠪᠯᠡᠭᠡᠳᠤ ᠥᠷᠡᠵᠢᠯ ᠤᠨ ᠠᠵᠢᠯ ᠥᠢᠯᠡᠰ ᠲᠤᠭᠳᠠᠭᠤᠨ ᠢᠶᠠᠷ ᠬᠥᠭᠵᠢᠨ᠂ ᠬᠤᠲᠠ ᠬᠥᠳᠡᠭᠡ ᠎ ᠶᠢᠨ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠤᠨ ᠲᠠᠩᠰᠠ ᠡᠪᠭᠡᠮᠡᠯ ᠪᠠᠶᠢᠭᠤᠯᠤᠭᠰᠠᠨ ᠨᠤᠷᠮ᠎ᠠ ᠨᠢ 89%᠎ ᠳᠤ ᠬᠥᠷᠴᠤ᠂ 3469 ᠮᠠᠯᠴᠢᠨ ᠳᠤ ᠰᠥᠢᠳᠭᠡᠯ ᠬᠤᠷᠢᠶᠠᠬᠤ ᠥᠭᠡᠢ ᠪᠡᠶ᠎ᠡ ᠶᠢᠨ ᠪᠠᠶᠢᠴᠠᠭᠠᠯᠲᠠ ᠬᠢᠵᠤ ᠥᠭᠭᠦᠨ᠂ ᠡᠮ ᠎ ᠤᠨ ᠵᠥᠢᠯᠡᠰ ᠢ ᠤᠤᠯ ᠥᠨ᠎ᠡ ᠪᠠᠷ ᠨᠢ ᠪᠤᠷᠤᠯᠠᠭᠤᠯᠤᠭᠠᠳ ᠡᠪᠡᠳᠴᠢᠲᠡᠨ ᠳᠤ 75 ᠲᠥᠮᠡᠨ ᠲᠥᠭᠦᠷᠢᠭ ᠠᠷᠪᠢᠯᠠᠨ ᠥᠭᠴᠤ᠂ 3.8 ᠲᠥᠮᠨ ᠢᠯᠡᠬᠦᠤ ᠬᠥᠮᠥᠨ ᠣᠳᠠᠭ᠎ᠠ ᠳᠤ ᠠᠰᠢᠭ ᠬᠥᠷᠲᠡᠭᠡᠪᠡ᠃ ᠴᠠᠭᠠᠨᠨᠠᠭᠤᠷ ᠪᠠᠯᠭᠠᠰᠤᠨ ᠤ ᠡᠮᠨᠡᠯᠭᠡ ᠶᠢᠨ ᠬᠤᠷᠢᠶ᠎ᠠ᠂ ᠡᠷᠳᠡᠨᠢᠭᠤᠪᠢ ᠶᠢᠨ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠤᠷᠤᠭᠤᠯᠤᠨ᠂ ᠮᠤᠩᠭᠤᠯ ᠡᠮᠨᠡᠯᠭᠡ ᠶᠢᠨ ᠬᠤᠷᠢᠶᠠᠨ ᠤ ᠮᠤᠩᠭᠤᠯ ᠡᠮ ᠨᠠᠶᠢᠷᠠᠭᠤᠯᠬᠤ ᠲᠠᠰᠤᠭ ᠤᠨ ᠭᠤᠤᠯ ᠴᠤᠭᠴᠠ ᠶᠢᠨ ᠪᠠᠷᠢᠯᠭ᠎ᠠ ᠎ ᠶᠢ ᠲᠠᠭᠤᠰᠬᠠᠪᠠ︔ ᠲᠥᠷᠥ ᠶᠢᠨ ᠪᠤᠳᠤᠯᠭ᠎ᠠ ᠳᠤ ᠨᠡᠶᠢᠴᠡᠭᠰᠡᠨ ᠲᠥᠷᠥᠯᠲᠡ ᠶᠢᠨ ᠨᠤᠷᠮ᠎ᠡ 98.4%᠎ ᠳᠤ ᠬᠥᠷᠥᠨ᠂ ᠬᠥᠮᠥᠨ ᠠᠮᠠ ᠶᠢᠨ ᠠᠶᠠᠨᠳᠠᠭᠠᠨ ᠤ ᠥᠰᠥᠯᠲᠡ ᠶᠢᠨ ᠨᠤᠷᠮ᠎ᠠ ᠶᠢ 5.27‰᠎ ᠶᠢᠨ ᠲᠣᠳᠣᠷ᠎ᠠ ᠬᠢᠵᠠᠭᠠᠷᠯᠠᠵᠣ᠂ ᠲᠤᠤᠷ᠎ᠠ ᠲᠥᠷᠥᠯᠲᠡ ᠶᠢᠨ ᠬᠢᠷᠢ ᠲᠥᠪᠰᠢᠨ ᠢᠶᠠᠨ ᠦᠷᠬᠦᠯᠵᠢᠯᠠᠨ ᠪᠠᠳᠤᠯᠠᠪᠠ᠃ ᠰᠤᠶᠤᠯ ᠲᠠᠮᠢᠷ ᠷᠠᠳᠢᠤ᠋ ᠲᠧᠯᠸᠢᠰ ᠎ ᠤᠨ ᠠᠵᠢᠯ ᠥᠢᠯᠡᠰ ᠴᠡᠴᠡᠭᠯᠡᠨ ᠬᠥᠭᠵᠢᠵᠤ᠂ ᠪᠥᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠥᠪ ᠤᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠨ᠂ ᠴᠤᠭᠤᠷ ᠲᠠᠭᠤᠣ ᠶᠢ ᠤᠯᠠᠮᠵᠢᠯᠡᠨ ᠵᠠᠯᠭᠠᠮᠵᠢᠯᠠᠬᠤ ᠲᠥᠷᠥᠯ ᠵᠥᠢᠯ ᠤᠨ ᠪᠡᠯᠡ ᠮᠥᠩᠭᠦ ᠨᠢᠭᠡᠨᠲᠡ ᠪᠡᠯᠡᠨ ᠪᠤᠯᠵᠦ᠂ ᠰᠤᠮᠤ ᠪᠠᠯᠭᠠᠰᠤᠨ ᠤ ᠪᠡᠶ᠎ᠡ ᠪᠤᠯᠪᠠᠰᠤᠷᠠᠭᠤᠯᠬᠤ ᠢᠨᠵᠧᠨᠧᠷᠢᠩ ᠢ ᠪᠡᠶᠡᠯᠡᠭᠦᠯᠥᠨ᠂ ᠮᠣᠩᠭᠤᠯ ᠵᠥᠴᠥᠭᠡ ︽ᠪᠡᠯᠭᠦᠲᠠᠢ︾ ᠦᠵᠡᠭᠴᠢᠳ ᠲᠠᠢ ᠪᠠᠨ ᠠᠮᠵᠢᠯᠳᠠ ᠲᠠᠢ ᠵᠤᠯᠭᠠᠭᠰᠠᠨ ᠮᠦᠷᠳᠡᠭᠡᠨ ᠬᠤᠰᠢᠭᠤ ᠮᠣᠷᠢᠨ ᠮᠡᠷᠭᠡᠵᠢᠯ ᠤᠨ ᠠᠩᠬᠢ ᠨᠢ ᠪᠥᠬᠦ ᠤᠯᠤᠰ ᠤᠨ ᠴᠥᠭᠡᠨ ᠲᠤᠭᠠᠲᠤ ᠥᠨᠳᠤᠰᠤᠲᠡᠨ ᠤ ᠲᠠᠮᠢᠷ ᠤᠨ ᠴᠤᠭᠯᠠᠭᠠᠨ ᠤ ᠮᠤᠷᠢᠨ ᠲᠠᠪᠬᠢᠭᠠᠨ ᠠᠴᠠ ᠬᠠᠲᠠᠭ ᠰᠢᠭᠦᠷᠬᠦ ᠥᠵᠡᠭᠦᠯᠥᠯᠭᠡ ᠳᠤ ᠮᠥᠩᠭᠦᠨ ᠮᠧᠲ᠋ᠡᠯ ᠤᠯᠪᠠ᠃ ᠨᠡᠶᠢᠭᠡᠮ ᠤᠨ ᠡᠶ᠎ᠡ ᠵᠤᠬᠢᠴᠠᠯ᠂ ᠠᠮᠤᠷ ᠲᠤᠭᠳᠠᠭᠤᠨ ᠤ ᠠᠵᠢᠯ ᠤᠯᠠᠮ ᠠᠬᠢᠯᠲᠠ ᠲᠠᠢ ᠪᠤᠯᠵᠤ᠂ ᠪᠥᠬᠦ ᠵᠢᠯ ᠎ ᠳᠤ ᠨᠡᠶᠢᠭᠡᠮ ᠤᠨ ᠵᠥᠷᠢᠴᠡᠯ ᠵᠢᠭᠤᠷᠠᠭᠠᠨ 74᠎ ᠶᠢ ᠪᠠᠶᠢᠴᠠᠭᠠᠨ ᠢᠯᠡᠷᠡᠭᠦᠯᠵᠤ᠂ 70᠎ ᠶᠢ ᠨᠢ ᠪᠠᠶᠢᠴᠠᠭᠠᠨ ᠰᠢᠢᠳᠪᠥᠷᠢᠯᠡᠪᠡ︔ ᠨᠢᠭᠡ ᠪᠥᠯᠥᠭ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠤᠴᠢᠷ ᠪᠠ ᠮᠠᠳᠠᠭ ᠲᠥᠪᠡᠭ ᠲᠠᠢ ᠠᠰᠠᠭᠤᠳᠠᠯ ᠢ ᠰᠢᠢᠳᠪᠥᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠶᠠᠷᠣᠩᠬᠡᠢ ᠬᠡᠮᠵᠢᠶ᠎ᠠ 25%᠎ ᠪᠠᠷ ᠪᠠᠭᠤᠷᠠᠪᠠ᠃ ︽ᠠᠮᠤᠷ ᠲᠤᠳᠤᠨᠤ ᠠᠪᠠᠭ᠎ᠠ ᠨᠤᠲᠤᠭ︾᠎ ᠢ ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠬᠥᠨᠵᠡᠭᠡᠢ ᠥᠷᠨᠢᠭᠦᠯᠥᠨ᠂ ᠪᠥᠬᠦ ᠵᠢᠯ ᠳᠤ ᠬᠥᠨᠳᠤ ᠶᠡᠭᠡ ᠠᠶᠣᠯᠬᠦᠢ ᠦᠢᠯᠡᠳᠪᠦᠷᠢᠯᠡᠯ ᠤᠨ ᠬᠡᠷᠡᠭ ᠤᠴᠢᠷ ᠪᠠ ᠢᠳᠡᠭᠡᠨ ᠡᠮ ᠤᠨ ᠵᠥᠢᠯᠡᠰ ᠤᠨ ᠠᠮᠤᠷ ᠲᠥᠪᠰᠢᠨ ᠤ ᠭᠡᠷᠡᠭ ᠤᠴᠢᠷ  ᠭᠠᠷᠤᠭᠰᠠᠨ ᠥᠭᠡᠢ᠃     ︵ᠲᠠᠪᠤ︶ ᠵᠠᠰᠠᠭ ᠤᠨ ᠤᠷᠳᠤᠨ ᠤ ᠴᠢᠳᠠᠪᠬᠢ ᠲᠠᠰᠤᠷᠠᠯᠲᠠ ᠥᠭᠡᠢ ᠲᠡᠭᠡᠭᠰᠢᠯᠡᠵᠦ᠂ ᠲᠡᠰᠪᠦᠷᠢ ᠬᠠᠳᠠᠭᠤᠵᠢᠯᠳᠡᠢ ᠦᠨᠡᠨ ᠪᠤᠲᠠᠲᠠᠢ ᠠᠵᠢᠯᠯᠠᠬᠤ ᠶᠢ ᠪᠠᠷᠢᠮᠳᠠᠯᠠᠪᠠ᠃ ᠠᠷᠢᠭᠤᠨ ᠴᠢᠭᠡᠴᠢ᠂ ᠥᠨᠡᠨ ᠪᠤᠳᠠᠳᠠᠢ᠂ ᠥᠨᠳᠤᠷ ᠪᠥᠳᠥᠮᠵᠢᠳᠠᠢ ᠠᠵᠢᠯᠯᠠᠬᠠᠤ ᠡᠷᠴᠢ ᠵᠤᠷᠢᠭ ᠢᠶᠠᠨ ᠬᠦᠪᠴᠢᠯᠡᠪᠡ᠃ ᠤᠬᠠᠮᠰᠠᠷ ᠠᠴᠠ ᠪᠠᠨ ᠬᠢᠨᠠᠯᠲᠠ ᠬᠥᠯᠢᠶᠡᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠥᠷᠢ ᠲᠤᠭᠳᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠤ᠂ ᠤᠯᠤᠰ ᠲᠥᠷᠥ ᠶᠢᠨ ᠵᠥᠪᠯᠡᠯᠭᠡᠨ ᠤ ᠵᠠᠰᠠᠭ ᠲᠤ ᠤᠷᠤᠯᠴᠠᠨ ᠵᠠᠰᠠᠭ ᠵᠥᠪᠯᠡᠬᠦ ᠶᠢ ᠢᠳᠡᠪᠬᠢᠲᠠᠢ ᠲᠠᠮᠵᠢᠨ᠂ ᠪᠥᠬᠦ ᠵᠢᠯ ᠳᠤ ᠬᠤᠰᠢᠭᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠳᠤ ᠵᠠᠰᠠᠭ ᠤᠨ ᠤᠷᠳᠤᠨ ᠤ ᠠᠵᠢᠯ ᠤᠨ ᠲᠤᠰᠬᠠᠢ ᠰᠡᠳᠤᠪᠳᠤ ᠮᠡᠳᠡᠭᠦᠯᠥᠯᠲᠡ 6 ᠣᠳᠠᠭ᠎ᠠ ᠬᠢᠵᠤ ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠲᠠᠢ ᠲᠤᠰᠬᠠᠢ ᠰᠡᠳᠤᠪᠳᠤ ᠵᠦᠪᠯᠡᠯᠭᠡ ᠶᠢ 3 ᠤᠳᠠᠭ᠎ᠠ ᠥᠷᠨᠢᠭᠦᠯᠥᠨ᠂ 153 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ 64 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠬᠦᠳ ᠤᠨ ᠰᠠᠨᠠᠭᠤᠯᠭ᠎ᠠ ᠶᠢ ᠬᠥᠯᠢᠶᠡᠨ ᠰᠢᠢᠳᠪᠥᠷᠢᠯᠡᠪᠡ᠃ ᠠᠵᠢᠯ ᠤᠨ ᠰᠤᠷᠳᠠᠯ ᠢᠶᠠᠨ ᠰᠠᠶᠢᠵᠢᠷᠠᠭᠤᠯᠬᠤ ᠶᠢ ᠰᠠᠶᠢᠳᠤᠷ ᠠᠳᠬᠤᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠨ ᠪᠠ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠰᠤᠷᠳᠠᠯ ᠢ ᠰᠠᠶᠢᠵᠢᠷᠠᠭᠤᠯᠬᠤ ᠲᠤᠬᠠᠢ ᠡᠯ᠎ᠡ ᠲᠥᠷᠥᠯ ᠤᠨ ᠲᠤᠭᠳᠠᠭᠠᠯ ᠢ ᠨᠠᠷᠢᠨ ᠬᠢᠨᠠᠮᠠᠭᠠᠢ ᠲᠤᠤᠱᠯᠠᠭᠤᠯᠵᠤ᠂ ᠪᠥᠬᠦ ᠵᠢᠯ ᠤᠨ ᠵᠤᠴᠢᠯᠠᠬᠤ ᠵᠠᠷᠤᠳᠠᠯ ᠠᠳᠠᠯᠢ ᠬᠤᠭᠤᠴᠠᠭᠠᠨ ᠤ ᠎ ᠬᠢ ᠠᠴᠠ ᠪᠠᠨ 1.6%᠎ ᠪᠠᠷ ᠬᠠᠰᠤᠭᠳᠠᠨ᠂ ᠠᠯᠪᠠᠯᠠᠬᠤ ᠭᠡᠷ᠂ ᠠᠯᠪᠠᠨ ᠲᠡᠷᠭᠡᠨ ᠤ ᠬᠠᠮᠢᠶᠠᠷᠤᠯᠲᠠ ᠶᠢ ᠤᠯᠠᠮ ᠴᠢᠨᠠᠭᠰᠢᠲᠠ ᠲᠦᠷᠢᠮᠵᠢᠬᠦᠯᠪᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠲᠥᠯᠬᠢᠨ ᠠᠬᠢᠭᠤᠯᠵᠤ᠂ ᠬᠤᠰᠢᠭᠤ ᠲᠠᠷᠤᠭ᠎ᠠ ᠶᠢᠨ ᠲᠤᠰᠬᠠᠢ ᠤᠳᠠᠰᠤ ᠶᠢ 30 ᠭᠠᠷᠤᠢ ᠤᠳᠠᠭ᠎ᠠ ᠬᠥᠯᠢᠶᠡᠨ ᠠᠪᠴᠤ᠂ ᠤᠯᠠᠨ ᠲᠥᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠲᠠᠷᠥᠶᠢᠬᠠᠨ ᠬᠠᠷᠢᠭᠤᠯᠲᠠ ᠥᠭᠪᠡ᠃  ᠵᠠᠰᠠᠭ ᠤᠨ ᠤᠷᠳᠤᠨ ᠠᠴᠠ ᠪᠡᠯᠨ ᠣᠷᠣᠭᠤᠯᠣᠭᠰᠠᠨ ᠭᠡᠰᠡᠭ ᠲᠥᠷᠥᠯ ᠵᠥᠢᠯ ᠳᠤ ᠲᠤᠮᠳᠠ ᠬᠤᠭᠤᠴᠠᠭᠠᠨ ᠤ ᠰᠢᠯᠭᠠᠨ ᠪᠠᠶᠢᠴᠠᠭᠠᠯᠳᠠ ᠬᠢᠵᠦ᠂ ᠬᠢᠨᠠᠨ ᠪᠣᠳᠣᠯᠳᠠ ᠪᠠᠷ ᠬᠢᠨᠠᠯᠳᠠ ᠲᠠᠯᠪᠢᠬᠤ ᠥᠢᠯᠡᠳᠤᠯ ᠢ ᠡᠳᠤᠷ ᠢᠷᠡᠭᠦᠶ᠎ᠡ ᠴᠢᠩᠭᠠᠳᠬᠠᠪᠠ᠃ ᠬᠠᠤᠯᠢ ᠶᠤᠰᠤᠭᠠᠷ ᠬᠤᠰᠢᠭᠤ ᠎ ᠪᠠᠨ ᠵᠠᠰᠠᠬᠤ ᠠᠵᠢᠯ ᠢ ᠢᠳᠡᠪᠬᠢᠳᠠᠢ ᠲᠥᠯᠬᠢᠨ ᠠᠬᠢᠭᠤᠯᠵᠤ᠂ ︽ᠵᠢᠷᠭᠤᠳᠣᠭᠠᠷ ᠲᠠᠪᠣᠨ ᠵᠢᠯ︾᠎ ᠤᠨ ᠬᠠᠤᠯᠢ ᠲᠥᠭᠡᠮᠡᠯᠵᠢᠭᠦᠯᠬᠦ ᠠᠵᠢᠯ ᠢ ᠠᠮᠵᠢᠯᠲᠠ ᠲᠠᠢ ᠪᠡᠶᠡᠯᠡᠭᠦᠯᠪᠡ᠃ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ ᠲᠤᠰᠬᠠᠢ ᠰᠡᠳᠤᠪᠳᠤ ᠬᠥᠮᠥᠵᠢᠯ ᠢ ᠥᠷᠨᠢᠭᠦᠯᠥᠨ᠂ ᠨᠠᠮ ᠤᠨ ᠰᠤᠷᠳᠠᠯ ᠠᠷᠢᠭᠤᠨ ᠴᠢᠭᠡᠴᠢ ᠶᠢᠨ ᠪᠠᠶᠢᠭᠤᠯᠤᠯᠲᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠢᠭᠤᠨ ᠴᠢᠭᠡᠴᠢ ᠰᠠᠬᠢᠯᠭ᠎ᠠ ᠪᠠᠳᠤᠴᠢ ᠤᠬᠠᠮᠰᠠᠷ ᠢᠶᠠᠨ ᠲᠠᠰᠤᠷᠠᠯᠲᠠ ᠥᠭᠡᠢ ᠴᠢᠩᠭᠠᠳᠬᠠᠨ᠂ ᠠᠷᠢᠭᠤᠨ ᠴᠢᠭᠡᠴᠢ ᠶᠢᠨ ᠪᠠᠶᠢᠭᠤᠯᠤᠯᠲᠠ ᠪᠠ ᠢᠯᠵᠡᠷᠡᠯ ᠢ ᠡᠰᠡᠷᠭᠦᠴᠡᠬᠦ ᠠᠵᠢᠯ ᠢᠯᠡᠳᠲᠡ ᠥᠷ᠎ᠡ ᠪᠥᠳᠥᠮᠵᠢ ᠣᠯᠪᠠ᠃     ᠦᠩᠭᠡᠷᠡᠭᠰᠡᠨ ᠨᠢᠭᠡ ᠵᠢᠯ ᠳᠤ ︽ᠠᠷᠪᠠᠨ ᠬᠤᠶᠠᠳᠣᠭᠠᠷ ᠲᠠᠪᠣᠨ ᠵᠢᠯ︾᠎ ᠤᠨ ᠲᠦᠯᠦᠪᠵᠢᠬᠦᠯᠭᠡ ᠶᠢᠨ ᠡᠬᠦᠷᠭᠡ ᠎ ᠪᠠᠨ ᠠᠮᠵᠢᠯᠳᠠᠳᠠᠢ ᠪᠡᠶᠡᠯᠡᠬᠦᠯᠵᠦ᠂ ᠡᠯ᠎ᠡ ᠲᠠᠯ᠎ᠠ ᠶᠢᠨ ᠠᠵᠢᠯ ᠰᠢᠨ᠎ᠡ ᠠᠬᠢᠯᠳᠠ ᠲᠠᠢ ᠪᠣᠯᠪᠠ᠃  ᠬᠦᠭᠵᠢᠯᠳᠡ ᠢ ᠠᠬᠢᠭᠤᠯᠬᠤ ᠶᠢ ᠲᠡᠷᠢᠬᠦᠨ ᠴᠢᠬᠤᠯᠠ ᠡᠬᠦᠷᠭᠡ ᠪᠤᠯᠭᠠᠨ᠂ ᠦᠷᠢᠰᠦᠯᠳᠦᠭᠡᠨ ᠪᠠ ᠠᠵᠠ ᠲᠣᠬᠢᠶᠠᠯ ᠢ ᠰᠠᠶᠢᠳᠣᠷ ᠡᠵᠡᠮᠳᠡᠨ᠂ ᠲᠣᠰ ᠪᠡᠶ᠎ᠡ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠪᠠᠯ ᠰᠠᠶ᠋ᠢ ᠬᠦᠭᠵᠢᠯᠳᠡ ᠶᠢᠨ ᠲᠣᠮᠳᠠ  ᠲᠠᠪᠠᠭᠤᠯᠢᠭ ᠪᠠᠶᠢᠷᠢ ᠶᠢ ᠡᠵᠡᠯᠡᠵᠦ ᠴᠢᠳᠠᠨ᠎ᠠ︔ ᠡᠷᠭᠡᠪᠰᠢ ᠨᠢᠭᠡᠳᠦᠯᠳᠡᠢ ᠲᠦᠯᠦᠪᠵᠢᠬᠦᠯᠦᠨ ᠨᠡᠶᠢᠳᠡ ᠳᠤᠨᠢ ᠬᠠᠷᠠᠭᠠᠯᠵᠠᠬᠤ ᠶᠢ ᠢᠮᠠᠭᠳᠠ ᠪᠠᠷᠢᠮᠳᠠᠯᠠᠨ᠂ ᠣᠳᠣᠬᠠᠨ ᠪᠠ ᠠᠯᠣᠰ ᠬᠡᠳᠦ ᠶᠢᠨ᠂ ᠭᠡᠰᠡᠭ ᠲᠠᠯ᠎ᠠ ᠪᠠ ᠪᠦᠬᠦ ᠲᠠᠯ᠎ᠠ ᠎ ᠶᠢᠨ᠂ ᠬᠤᠷᠳᠣᠴᠠ ᠪᠠ ᠦᠷ᠎ᠡ ᠠᠰᠢᠭ ᠤᠨ ᠬᠠᠷᠢᠴᠠᠭ᠎ᠠ ᠶᠢ ᠵᠦᠪ ᠣᠨᠣᠪᠴᠢᠳᠠᠢ ᠰᠢᠢᠳᠪᠦᠷᠢᠯᠡᠪᠡᠯ ᠰᠠᠶ᠋ᠢ ᠬᠦᠭᠵᠢᠯᠳᠡ ᠶᠢᠨ ᠰᠢᠨ᠎ᠡ ᠪᠠᠶᠢᠳᠠᠯ ᠢ ᠪᠤᠢ ᠪᠤᠯᠭᠠᠵᠦ᠂ ᠪᠦᠳᠦᠴᠡ ᠪᠠᠨ ᠰᠢᠯᠢᠳᠡᠭᠵᠢᠬᠦᠯᠵᠦ ᠲᠡᠶᠢᠯᠦᠨ᠎ᠡ︔ ᠡᠷᠭᠡᠪᠰᠢ ᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠤ ᠶᠢ ᠪᠠᠷᠢᠮᠳᠠᠯᠠᠵᠦ᠂ ᠠᠵᠣ ᠠᠬᠤᠢ ᠶᠢᠨ ᠬᠦᠭᠵᠢᠯᠳᠡ ᠶᠢᠨ ᠬᠦᠯᠢᠶᠡᠰᠦᠯᠡᠯ ᠪᠠ ᠦᠵᠡᠯ ᠰᠠᠨᠠᠭᠠᠨ ᠤ ᠬᠠᠷᠰᠢ ᠰᠠᠭᠠᠳ ᠢ ᠢᠯᠠᠨ ᠲᠠᠪᠠᠪᠠᠯ ᠰᠠᠶ᠋ᠢ ᠬᠦᠭᠵᠢᠯᠳᠡ ᠶᠢᠨ ᠬᠦᠳᠡᠯᠭᠡᠭᠴᠢ ᠬᠦᠴᠦᠨ ᠢ ᠴᠢᠩᠭᠠᠷᠠᠭᠤᠯᠣᠨ᠂ ᠲᠣᠳᠣᠭᠠᠳᠣ ᠭᠠᠳᠠᠭᠠᠳᠣ ᠶᠢᠨ ᠬᠠᠮᠳᠣᠷᠠᠯᠴᠠᠭᠠᠨ ᠤ ᠲᠣᠮᠳᠠ ᠠᠮᠵᠢᠯᠳᠠ ᠲᠠᠢ ᠣᠷᠣᠭᠰᠢᠯᠠᠵᠣ ᠲᠡᠶᠢᠯᠦᠨ᠎ᠡ︔ ᠠᠷᠠᠳ ᠤᠨ ᠠᠮᠢᠳᠣᠷᠠᠯ ᠢ ᠲᠡᠷᠢᠬᠦᠨ ᠪᠠᠶᠢᠷᠢᠨ ᠳᠤ ᠲᠠᠯᠪᠢᠵᠦ᠂ ᠨᠡᠶᠢᠭᠡᠮ ᠤᠨ ᠠᠵᠢᠯ ᠦᠢᠯᠡᠰ ᠢ ᠴᠢᠬᠤᠯᠠᠴᠢᠯᠠᠪᠠᠯ ᠰᠠᠶ᠋ᠢ ᠪᠣᠳᠣᠯᠢᠶᠠᠨᠳᠠᠢ ᠣᠷᠴᠢᠨ ᠤ ᠲᠣᠮᠳᠠ ᠲᠣᠭᠳᠠᠭᠤᠨ ᠢᠶᠠᠷ ᠣᠷᠣᠭᠰᠢᠯᠠᠬᠤ ᠶᠢ ᠪᠡᠶᠡᠯᠡᠬᠦᠯᠵᠦ ᠲᠡᠶᠢᠯᠦᠨ᠎ᠡ︔ ᠨᠠᠮ ᠤᠨ ᠣᠳᠣᠷᠢᠳᠣᠯᠭ᠎ᠠ ᠪᠡ ᠰᠢᠢᠳᠪᠤᠷᠢᠳᠦ ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠦᠨᠡᠨ ᠠᠴᠠ ᠵᠦᠪ ᠢ ᠡᠷᠢᠨ᠂ ᠪᠣᠳᠠᠳᠠᠢ ᠠᠵᠢᠯᠯᠠᠪᠠᠯ ᠰᠠᠶ᠋ᠢ ᠬᠦᠭᠵᠢᠯᠳᠡ ᠶᠢᠨ ᠰᠢᠨ᠎ᠡ ᠣᠷᠴᠢᠨ ᠢ ᠡᠬᠦᠳᠴᠦ᠂ ᠠᠵᠢᠯ ᠦᠢᠯᠡᠰ ᠤᠨ ᠦᠷᠨᠢᠬᠦᠨ ᠬᠦᠭᠵᠢᠬᠦ ᠶᠢ ᠪᠡᠶᠡᠯᠡᠬᠦᠯᠵᠦ ᠲᠡᠶᠢᠯᠦᠨ᠎ᠡ ᠭᠡᠳᠡᠭ ᠢ ᠬᠦᠨᠵᠡᠭᠡᠢ ᠣᠶᠢᠯᠠᠭᠠᠭᠰᠠᠨ ᠶᠣᠮ᠃ ᠡᠳᠡᠭᠡᠷ ᠨᠢ ᠨᠠᠨᠳᠢᠨ ᠲᠣᠷᠰᠢᠯᠭ᠎ᠠ ᠪᠣᠯᠬᠤ ᠮᠦᠷᠳᠡᠭᠡᠨ ᠬᠤᠶᠢᠰᠢᠳᠠ ᠶᠢᠨ ᠪᠠᠷᠢᠮᠳᠠᠯᠠᠪᠠᠰᠣ ᠵᠣᠬᠢᠬᠤ ᠴᠢᠬᠤᠯᠠ ᠵᠠᠷᠴᠢᠮ ᠮᠦᠨ᠃     ᠲᠦᠯᠦᠭᠡᠯᠡᠭᠴᠢᠳ ᠡ᠂ ᠲᠠᠪᠣᠨ ᠵᠢᠯ ᠤᠨ ᠬᠦᠭᠵᠢᠯᠳᠡ ᠬᠤᠪᠢᠷᠠᠯᠳᠠ ᠶᠢᠨ ᠠᠮᠵᠢᠯᠳᠠ ᠨᠢ ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤ ᠨᠠᠮ ᠤᠨ ᠬᠤᠷᠢᠶᠠᠨ ᠤ ᠰᠢᠨᠵᠢᠯᠡᠬᠦ ᠣᠬᠠᠭᠠᠨᠴᠢ ᠲᠦᠯᠦᠪᠵᠢᠬᠦᠯᠭᠡ ᠪᠠ ᠵᠦᠪ ᠣᠨᠣᠪᠴᠢᠳᠠᠢ ᠵᠢᠯᠣᠭᠤᠳᠣᠯᠭ᠎ᠠ ᠶᠢᠨ ᠦᠷ᠎ᠡ ᠳ᠋ᠦᠩ ᠪᠣᠯᠣᠨ᠎ᠠ᠃ ᠮᠦᠨᠴᠦ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠰᠡᠳᠬᠢᠯ ᠨᠢᠭᠡᠳᠦᠨ ᠰᠢᠷᠭᠠᠭᠤ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠡᠯ᠎ᠡ ᠠᠵᠢᠯ ᠎ ᠤᠨ ᠹᠷᠣᠨᠲ ᠲᠡᠭᠡᠷ᠎ᠡ ᠭᠠᠪᠰᠢᠭᠠᠶᠢᠯᠠᠨ ᠠᠵᠢᠯᠯᠠᠵᠣ ᠪᠠᠶᠢᠭ᠎ᠠ ᠺᠠᠳ᠋ᠷ ᠣᠯᠠᠨ ᠲᠦᠮᠡᠨ ᠪᠠ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠎ ᠤ ᠬᠡᠰᠢᠬᠦᠳ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠦᠬᠦᠳ ᠵᠢᠴᠢ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠨᠠᠮ ᠪᠣᠰᠣ ᠬᠦᠮᠦᠰ ᠪᠠ ᠡᠯ᠎ᠡ ᠨᠡᠶᠢᠭᠡᠮ ᠤᠨ ᠪᠦᠯᠬᠦᠮ᠂ ᠬᠤᠰᠢᠭᠤᠨ ᠳᠤ ᠰᠠᠭᠤᠭ᠎ᠠ ᠴᠡᠷᠢᠭ ᠠᠩᠬᠢ᠂ ᠲᠣᠳᠣᠭᠠᠳᠣ ᠶᠢ ᠬᠠᠮᠠᠭᠠᠯᠠᠬᠤ ᠴᠡᠷᠢᠭ ᠴᠠᠭᠳᠠᠭ᠎ᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠭᠡᠳᠦ ᠬᠦᠨᠳᠦᠳᠭᠡᠯ ᠢᠶᠠᠨ ᠲᠡᠪᠰᠢᠬᠦᠯᠦᠶ᠎ᠡ︕     ᠠᠮᠵᠢᠯᠳᠠ ᠪᠠᠨ ᠨᠣᠳᠠᠯᠠᠬᠤ ᠶᠢᠨ ᠬᠠᠮᠳᠣ ᠪᠢᠳᠠ ᠪᠠᠰᠠ ᠬᠦᠭᠵᠢᠯᠳᠡ ᠶᠢᠨ ᠲᠣᠮᠳᠠ ᠣᠷᠣᠰᠢᠵᠣ ᠪᠠᠶᠢᠭ᠎ᠠ ᠠᠰᠠᠭᠤᠳᠠᠯ ᠢᠶᠠᠨ ᠰᠡᠷᠭᠡᠭ ᠢᠶᠠᠷ ᠲᠠᠨᠢᠬᠤ ᠴᠢᠬᠤᠯᠠᠳᠠᠢ ᠪᠠᠶᠢᠨ᠎ᠠ᠃ ᠠᠵᠣ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠶᠡᠷᠦᠩᠬᠡᠶᠢᠯᠡᠭᠰᠡᠨ ᠬᠦᠴᠦᠨ ᠲᠣᠷᠣᠢ︔ ᠮᠠᠯᠵᠢᠬᠤ ᠦᠢᠯᠡᠳᠪᠤᠷᠢᠯᠡᠯ ᠤᠨ ᠰᠠᠭᠤᠷᠢ ᠨᠢᠮᠭᠡᠨ᠂ ᠮᠠᠯᠴᠢᠳ ᠤᠨ ᠣᠷᠣᠯᠭ᠎ᠠ ᠶᠢ ᠦᠷᠬᠦᠯᠵᠢᠯᠡᠨ ᠨᠡᠮᠡᠭᠳᠡᠬᠦᠯᠬᠦ ᠲᠠᠷᠣᠯᠳᠠ ᠶᠡᠭᠡ︔ ᠠᠵᠣ ᠦᠢᠯᠡᠳᠪᠦᠷᠢ ᠶᠢᠨ ᠪᠦᠳᠦᠴᠡ ᠲᠠᠩ ᠴᠣᠯᠭᠤᠢ᠂ ᠠᠵᠣ ᠦᠢᠯᠡᠰ ᠤᠨ ᠬᠡᠯᠬᠢᠶᠡᠵᠢᠯ ᠣᠬᠤᠷ︔ ᠦᠢᠯᠡᠴᠢᠯᠡᠭᠡᠨ ᠤ ᠦᠢᠯᠡᠰ ᠤᠨ ᠬᠦᠭᠵᠢᠯᠳᠡ ᠣᠳᠠᠭᠠᠨ᠂ ᠣᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠬᠦᠯᠵᠢᠯᠡᠨ ᠲᠡᠭᠡᠭᠰᠢᠯᠡᠬᠦᠯᠬᠦ ᠴᠢᠬᠤᠯᠠᠳᠠᠢ︔ ᠬᠤᠳᠠ ᠬᠦᠳᠡᠭᠡ ᠶᠢᠨ ᠰᠠᠭᠤᠷᠢ ᠪᠦᠳᠦᠭᠡᠨ ᠪᠠᠶᠢᠭᠤᠯᠣᠯᠳᠠ ᠮᠦᠨᠬᠦ ᠬᠤᠴᠣᠷᠣᠩᠭᠤᠢ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠲᠣᠣᠷ᠎ᠠ᠂ ᠬᠤᠳᠠ ᠪᠠᠯᠭᠠᠰᠣᠵᠢᠯᠳᠠ ᠶᠢᠨ ᠠᠬᠢᠴᠠ ᠶᠢ ᠲᠦᠷᠭᠡᠳᠭᠡᠬᠦ  ᠴᠢᠬᠤᠯᠠᠳᠠᠢ ᠪᠠᠶᠢᠨ᠎ᠠ︔ ᠵᠠᠰᠠᠭ ᠤᠨ ᠣᠷᠳᠣᠨ ᠤ ᠠᠵᠢᠯ ᠤᠨ ᠰᠣᠷᠳᠠᠯ ᠢ ᠰᠠᠶᠢᠵᠢᠷᠠᠭᠤᠯᠵᠣ᠂ ᠵᠠᠰᠠᠭ ᠤᠨ ᠣᠷᠳᠣᠨ ᠎ ᠤ ᠴᠢᠳᠠᠪᠬᠢ ᠶᠢ ᠣᠯᠠᠮ ᠴᠢᠩᠭᠠᠳᠬᠠᠬᠤ ᠴᠢᠬᠤᠯᠠᠳᠠᠢ ᠵᠡᠷᠭᠡ ᠠᠰᠠᠭᠤᠳᠠᠯ ᠤᠳ ᠣᠷᠣᠰᠢᠵᠣ ᠪᠣᠢ᠃ ᠡᠳᠡᠭᠡᠷ ᠨᠢ ᠬᠦᠭᠵᠢᠯᠳᠡ ᠶᠢᠨ ᠲᠣᠮᠳᠠᠬᠢ ᠬᠦᠴᠢᠷᠳᠡᠯ ᠲᠠᠢ ᠠᠰᠠᠭᠤᠳᠠᠯ ᠪᠦᠭᠡᠳ ᠬᠤᠶᠢᠰᠢᠳᠠ ᠶᠢᠨ ᠠᠵᠢᠯ ᠤᠨ ᠭᠤᠣᠯᠳᠠᠯᠭ᠎ᠠ ᠪᠠᠶᠢᠵᠣ᠂ ᠪᠦᠳᠦᠮᠵᠢᠳᠡᠢ ᠠᠷᠭ᠎ᠠ ᠬᠡᠮᠵᠢᠶ᠎ᠡ ᠠᠪᠴᠣ᠂ ᠦᠨᠡᠨᠬᠦ ᠰᠢᠢᠳᠪᠦᠷᠢᠯᠡᠬᠦ ᠪᠠᠷ ᠴᠢᠷᠮᠠᠶᠢᠨ᠎ᠠ᠃     ᠬᠤᠶᠡᠷ᠂ ︽ᠠᠷᠪᠠᠨ ᠭᠤᠷᠪᠡᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠭᠤᠤᠯ ᠡᠬᠦᠷᠬᠡ ᠪᠠ 2016 ᠤᠨ ᠤ ᠭᠤᠤᠯᠳᠠᠯᠭ᠎ᠠ ᠲᠠᠢ ᠠᠵᠢᠯ     ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠤᠯ ᠪᠦᠬᠦ ᠬᠤᠰᠢᠭᠤᠨ ᠤ ᠡᠯ᠎ᠡ ᠲᠦᠷᠥᠯ ᠤᠨ ᠲᠠᠪᠠᠭᠤᠯᠢᠭ ᠨᠦᠬᠦᠴᠡᠯ ᠢᠶᠠᠨ ᠪᠠᠳᠠᠷᠠᠭᠤᠯᠵᠤ᠂ ᠬᠦᠴᠢᠷᠳᠡᠯ ᠢ ᠲᠤᠭᠤᠯᠤᠨ ᠬᠦᠷᠤᠯᠴᠠᠬᠦ ᠦᠬᠡᠢ ᠲᠠᠯ᠎ᠠ ᠪᠠᠨ ᠨᠦᠬᠦᠪᠤᠷᠢᠯᠡᠨ᠂ ᠬᠦᠭᠵᠢᠯᠳᠠ ᠪᠠᠨ ᠪᠠᠳᠤᠳᠬᠠᠬᠤ ᠵᠠᠩᠬᠢᠯᠠᠭ᠎ᠠ ᠶᠢᠨ ᠴᠠᠭ ᠬᠤᠭᠤᠴᠠᠭ᠎ᠠ ᠪᠤᠯᠤᠨ᠎ᠠ᠂ ᠨᠡᠩ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠪᠳᠤᠯᠤᠯᠳᠠ ᠶᠢᠨ ᠴᠠᠭ ᠬᠤᠭᠤᠴᠠᠭ᠎ᠠ ᠪᠤᠯᠤᠨ᠎ᠠ᠃ ᠬᠤᠰᠢᠭᠤ ᠨᠠᠮ ᠤᠨ ᠬᠤᠷᠢᠶ᠎ᠠ ᠠᠴᠠ ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠱᠠᠭᠠᠷᠳᠠᠯᠭ᠎ᠠ ᠶᠢ ᠦᠡᠳᠤᠰᠤᠯᠠᠵᠤ᠂ ᠪᠤᠳᠠᠳᠠᠢ ᠲᠠᠢ ᠪᠠᠨ ᠤᠶᠠᠯᠳᠤᠭᠤᠯᠤᠨ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠭᠡᠢ ᠱᠠᠭᠠᠷᠳᠠᠯᠭ᠎ᠠ᠂ ᠭᠤᠤᠯ ᠬᠠᠷᠠᠯᠳᠠ ᠡᠬᠦᠷᠭᠡ ᠶᠢ ᠲᠤᠭᠳᠠᠭᠠᠨ᠂ ︽ᠠᠪᠠᠭ᠎ᠠ ᠬᠤᠰᠢᠭᠤᠨ ᠤ ᠤᠯᠤᠰ ᠠᠷᠠᠳ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠥᠪᠵᠢᠬᠦᠯᠭᠡ ᠶᠢᠨ ᠬᠦᠳᠦᠯᠪᠤᠷᠢ ︵ᠡᠬᠡ ᠨᠤᠤᠷᠠᠭ︶︾᠎ ᠳᠤ ᠤᠷᠤᠭᠤᠯᠤᠨ᠂ ᠲᠤᠰ ᠤᠳᠠᠭᠠᠨ ᠤ ᠬᠤᠷᠠᠯ ᠳᠤ ᠲᠡᠪᠰᠢᠬᠦᠯᠦᠨ ᠬᠢᠨᠠᠨ ᠵᠦᠪᠯᠡᠬᠦ ᠪᠤᠯᠤᠨ᠎ᠠ᠃     ᠬᠤᠶᠢᠰᠢᠳᠡ ᠶᠢᠨ ᠲᠠᠪᠤᠨ ᠵᠢᠯ ᠳᠤ᠂ ᠪᠢᠳᠡ ᠬᠦᠭᠵᠢᠯᠳᠡ ᠶᠢ ᠲᠡᠷᠢᠬᠦᠨ ᠴᠢᠬᠤᠯᠠ ᠡᠬᠦᠷᠭᠡ ᠪᠤᠯᠭᠠᠬᠤ ᠶᠢ ᠪᠠᠷᠢᠮᠳᠠᠯᠠᠨ᠂ 2020 ᠤᠨ ᠪᠤᠯᠬᠤ ᠳᠤ᠂ ᠠᠵᠦ ᠠᠬᠤᠢ ᠶᠢᠨ ᠶᠠᠷᠤᠩᠬᠡᠶᠢᠯᠡᠭᠰᠡᠨ ᠪᠤᠳᠠᠳᠦ ᠬᠦᠴᠦᠨ ᠢ ᠪᠦᠬᠦ ᠠᠶᠢᠮᠠᠭ ᠤᠨ ᠲᠤᠮᠳᠠ ᠠᠴᠠ ᠲᠡᠭᠡᠬᠦᠷ ᠬᠢᠷᠢ ᠲᠦᠪᠰᠢᠨ ᠳᠤ ᠬᠦᠷᠬᠡᠬᠦ ᠪᠠᠷ ᠴᠢᠷᠮᠠᠶᠢᠨ᠎ᠠ᠃ ᠭᠠᠵᠠᠷ ᠤᠷᠤᠨ ᠤ ᠦᠢᠯᠡᠳᠪᠤᠷᠢᠯᠡᠯ ᠤᠨ ᠶᠡᠷᠦᠩᠭᠡᠢ ᠦᠷᠳᠡᠭ ᠢ ᠲᠤᠮᠳᠠᠴᠢ ᠪᠠᠷ ᠵᠢᠯ ᠪᠦᠷᠢ 11.3%᠎ ᠪᠠᠷ ᠨᠡᠮᠡᠭᠳᠡᠬᠦᠯᠦᠨ᠂ 115 ᠳ᠋ᠦᠩᠰᠢᠭᠤᠷ ᠲᠦᠬᠦᠷᠢᠭ ᠲᠤ ᠬᠦᠷᠭᠡᠨ᠎ᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ ᠲᠤᠮᠳᠠᠴᠢ ᠪᠠᠷ ᠵᠢᠯ ᠪᠦᠷᠢ 7.9%᠎ ᠪᠠᠷ ᠨᠡᠮᠡᠭᠳᠡᠬᠦᠯᠵᠦ᠂ 260 ᠳ᠋ᠦᠩᠰᠢᠭᠤᠷ ᠲᠦᠬᠦᠷᠢᠭ ᠲᠤ ᠬᠦᠷᠭᠡᠨ᠎ᠡ︔ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ ᠲᠤᠮᠳᠠᠴᠢ ᠪᠠᠷ ᠵᠢᠯ ᠪᠦᠷᠢ 15.1%᠎ ᠪᠠᠷ  ᠨᠡᠮᠡᠭᠳᠡᠬᠦᠯᠦᠨ᠂ 4 ᠳ᠋ᠦᠩᠰᠢᠭᠤᠷ ᠲᠦᠬᠦᠷᠢᠭ ᠲᠤ ᠬᠦᠷᠭᠡᠨ᠎ᠡ︔ ᠭᠤᠷᠪᠠᠨ ᠠᠵᠦ ᠦᠢᠯᠡᠰ ᠤᠨ ᠬᠠᠷᠢᠴᠠᠯ ᠢ  8.7᠄ 74.8᠄ 16.5 ᠪᠤᠯᠭᠠᠨ ᠲᠤᠬᠢᠷᠠᠭᠤᠯᠤᠨ᠎ᠠ︔ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠶᠢ ᠲᠤᠮᠳᠠᠴᠢ ᠪᠠᠷ ᠵᠢᠯ ᠪᠦᠷᠢ 10.3%᠎ ᠪᠠᠷ ᠨᠡᠮᠡᠭᠳᠡᠬᠦᠯᠵᠤ᠂ 16.5 ᠳ᠋ᠦᠩᠰᠢᠭᠤᠷ ᠲᠦᠬᠦᠷᠢᠭ ᠲᠤ ᠬᠦᠷᠭᠡᠨ᠎ᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠡᠳ ᠤᠨ ᠬᠦᠮᠤᠨ ᠪᠦᠷᠢ ᠶᠢᠨ ᠲᠡᠭᠰᠢᠳᠬᠡᠭᠰᠡᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠲᠤᠮᠳᠠᠴᠢ ᠪᠠᠷ ᠵᠢᠯ ᠪᠦᠷᠢ ᠲᠤᠰ ᠲᠤᠰ 8.4% ᠪᠠ 9.8%᠎ ᠪᠠᠷ ᠨᠡᠮᠡᠭᠳᠡᠬᠦᠯᠦᠨ᠂ 45000 ᠲᠦᠬᠦᠷᠢᠭ ᠪᠠ 32000 ᠲᠦᠬᠦᠷᠢᠭ ᠲᠤ ᠬᠦᠷᠭᠡᠨ᠎ᠡ᠃     ᠪᠢᠳᠡ ᠠᠵᠢᠯ ᠤᠨ ᠶᠠᠪᠤᠴᠠ ᠳᠤ ᠲᠤᠤᠷᠡᠬᠢ ᠬᠡᠳᠤᠨ ᠲᠠᠯ᠎ᠠ ᠶᠢᠨ ᠵᠠᠷᠴᠢᠮ ᠢ ᠢᠮᠠᠭᠳᠠ ᠪᠠᠷᠢᠮᠳᠠᠯᠠᠨ᠎ᠠ᠄ ᠨᠢᠬᠡ ᠎ ᠳᠤ᠂ ᠦᠬᠡᠷᠡᠴᠢᠯᠡᠯᠳᠡ ᠬᠢᠵᠤ ᠰᠢᠨ᠎ᠠ ᠶᠢ ᠡᠬᠦᠳᠬᠦ ᠶᠢ ᠪᠠᠷᠢᠮᠳᠠᠯᠠᠨ᠎ᠠ᠃ ᠡᠯ᠎ᠠ ᠵᠥᠢᠯ ᠤᠨ ᠬᠦᠭᠵᠢᠯᠳᠠ ᠶᠢᠨ ᠬᠠᠷᠢᠴᠠᠭ᠎ᠠ ᠶᠢ ᠰᠢᠯᠢᠳᠡᠭᠵᠢᠬᠦᠯᠵᠤ᠂ ᠦᠬᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠠᠵᠤ ᠠᠬᠤᠢ ᠶᠢᠨ ᠬᠦᠭᠵᠢᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ᠂ ᠬᠦᠮᠤᠨ ᠤ ᠬᠦᠴᠤᠨ ᠤ ᠡᠬᠢ ᠪᠠᠶᠠᠯᠢᠭ ᠢ ᠨᠡᠬᠡᠬᠡᠨ ᠬᠦᠭᠵᠢᠬᠦᠯᠬᠦ ᠪᠠᠷ ᠬᠦᠭᠵᠢᠯᠳᠠ ᠶᠢᠨ ᠭᠤᠤᠯ ᠬᠦᠳᠡᠯᠬᠡᠭᠴᠢ ᠬᠦᠴᠤᠨ ᠪᠤᠯᠭᠠᠵᠤ᠂ ᠴᠢᠨᠠᠷᠯᠢᠭ ᠦᠷᠬᠦᠯᠵᠢᠯᠡᠭᠰᠡᠨ ᠬᠦᠭᠵᠢᠯᠳᠠ ᠶᠢ ᠪᠠᠶᠠᠯᠠᠬᠦᠯᠤᠨ᠎ᠠ᠃ ᠬᠤᠶᠡᠷ ᠲᠤ᠂ ᠨᠢᠬᠡᠳᠤᠯᠳᠡᠢ ᠲᠦᠯᠤᠪᠵᠢᠬᠦᠯᠵᠤ ᠨᠠᠶᠢᠳᠠᠮ ᠳᠤᠨᠢ ᠵᠤᠬᠢᠴᠠᠭᠤᠯᠬᠤ ᠎ ᠶᠢ ᠪᠠᠷᠢᠮᠳᠠᠯᠠᠨ᠎ᠠ᠃ ᠭᠤᠤᠯ ᠴᠤᠭᠴᠠ ᠶᠢᠨ ᠲᠤᠭᠤᠷᠢᠭ ᠤᠨ ᠪᠠᠶᠢᠷᠢ ᠲᠤᠭᠳᠠᠭᠠᠯᠳᠠ ᠶᠢ ᠦᠡᠳᠤᠰᠤᠯᠠᠨ᠂ ᠬᠤᠳᠠ ᠬᠦᠳᠡᠭᠡ ᠶᠢᠨ ᠤᠷᠤᠨ ᠪᠦᠰᠠ ᠶᠢᠨ ᠵᠤᠬᠢᠴᠠᠩᠭᠤᠢ ᠬᠦᠭᠵᠢᠯᠳᠠ ᠶᠢ ᠲᠦᠯᠤᠪᠵᠢᠬᠦᠯᠵᠤ᠂ ᠡᠯ᠎ᠠ ᠲᠦᠷᠥᠯ ᠤᠨ ᠬᠠᠷᠢᠴᠠᠭ᠎ᠠ ᠶᠢ ᠵᠤᠬᠢᠴᠠᠭᠤᠯᠤᠨ᠂ ᠲᠡᠩᠴᠡᠬᠦᠷᠢᠳᠡᠢ ᠡᠶ᠎ᠡ ᠵᠤᠬᠢᠴᠠᠯ ᠲᠠᠢ ᠬᠦᠭᠵᠢᠯᠳᠠ ᠶᠢ ᠪᠠᠶᠠᠯᠠᠬᠦᠯᠤᠨ᠎ᠠ᠃ ᠭᠤᠷᠪᠡ ᠎ ᠳᠤ᠂ ᠨᠠᠬᠦᠷᠡᠰᠦᠳᠦ᠋ᠷᠦᠭᠴᠢ ᠪᠠᠭ᠎ᠠ᠂ ᠪᠤᠬᠢᠷᠳᠤᠯ ᠦᠬᠡᠢ ᠪᠠᠶᠢᠬᠤ ᠶᠢ ᠪᠠᠷᠢᠮᠳᠠᠯᠠᠨ᠎ᠠ᠃ ᠪᠤᠬᠢᠷᠳᠤᠯ ᠦᠬᠡᠢ᠂ ᠤᠷᠴᠢᠯᠳᠤ᠂ ᠨᠠᠬᠦᠷᠡᠰᠦᠳᠦ᠋ᠷᠦᠭᠴᠢ ᠪᠠᠭ᠎ᠠ ᠦᠢᠯᠡᠳᠪᠤᠷᠢᠯᠡᠯ ᠤᠨ ᠠᠷᠭ᠎ᠠ ᠬᠡᠯᠪᠡᠷᠢ ᠶᠢ ᠬᠦᠡᠵᠡᠬᠡᠢ ᠠᠬᠢᠭᠤᠯᠵᠤ᠂ ᠠᠷᠪᠢᠴᠢ ᠭᠠᠮᠳᠠᠢ᠂ ᠡᠷᠡᠬᠦᠯ ᠰᠠᠶᠢᠬᠠᠨ᠂ ᠤᠷᠴᠢᠨ ᠲᠤᠭᠤᠷᠢᠨ ᠢ ᠬᠠᠮᠠᠭᠠᠯᠠᠭᠰᠡᠨ ᠠᠮᠢᠳᠤᠷᠡᠯ ᠤᠨ ᠠᠷᠭ᠎ᠠ ᠪᠠᠷᠢᠯ ᠢ ᠤᠬᠠᠭᠤᠯᠤᠨ ᠰᠤᠷᠳᠠᠯᠴᠢᠯᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠪᠠ ᠡᠬᠢ ᠪᠠᠶᠠᠯᠢᠭ ᠎ ᠤᠨ ᠶᠠᠷᠤᠩᠬᠡᠶᠢᠯᠡᠭᠰᠡᠨ ᠨᠠᠬᠡᠬᠡᠨ ᠠᠰᠢᠭᠯᠠᠯᠳᠠ ᠶᠢ ᠴᠢᠩᠭᠠᠳᠬᠠᠨ᠂ ᠦᠷᠬᠦᠯᠵᠢᠯᠡᠭᠰᠡᠨ ᠬᠦᠭᠵᠢᠯᠳᠠ ᠶᠢ ᠠᠬᠢᠭᠤᠯᠤᠨ᠎ᠠ ᠃ ᠲᠦᠷᠪᠡ ᠳᠤ᠂ ᠴᠢᠯᠤᠬᠡᠳᠡᠢ ᠬᠠᠮᠳᠤᠷᠠᠯᠴᠠᠭ᠎ᠠ ᠶᠢ ᠪᠠᠷᠢᠮᠳᠠᠯᠠᠨ᠎ᠠ᠃ ᠦᠬᠡᠷᠡᠴᠢᠯᠡᠯᠳᠡ ᠬᠢᠵᠤ ᠴᠢᠯᠤᠬᠡᠳᠡᠢ ᠶᠠᠪᠤᠯᠴᠠᠬᠤ ᠶᠢ ᠬᠦᠭᠵᠢᠯᠳᠠ ᠶᠢᠨ ᠪᠦᠬᠦ ᠶᠠᠪᠤᠴᠠ ᠳᠤ ᠲᠤᠤᠱᠯᠠᠭᠤᠯᠵᠦ᠂ ᠤᠷᠤᠨ ᠪᠦᠰᠠ ᠶᠢᠨ ᠬᠤᠭᠤᠷᠤᠡᠳᠤᠬᠢ ᠠᠵᠤ ᠦᠢᠯᠡᠰ ᠤᠨ ᠬᠤᠪᠢᠶᠠᠷᠢᠯᠡᠯ ᠬᠠᠮᠳᠤᠷᠠᠯᠴᠠᠭ᠎ᠠ ᠳᠤ ᠢᠳᠡᠪᠬᠢᠳᠡᠢ ᠤᠷᠤᠯᠴᠠᠨ᠂ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠡᠷᠴᠢᠮ ᠢᠶᠠᠨ ᠴᠢᠩᠭᠠᠷᠠᠭᠤᠯᠤᠨ᠂ ᠲᠠᠪᠠᠭᠤᠯᠢᠭ ᠲᠠᠯ᠎ᠠ ᠪᠠᠨ ᠨᠦᠬᠦᠪᠤᠷᠢᠯᠡᠵᠤ ᠬᠠᠮᠳᠤᠪᠡᠷ ᠬᠦᠭᠵᠢᠬᠦ ᠶᠢ ᠪᠠᠶᠠᠯᠠᠬᠦᠯᠤᠨ᠎ᠠ᠃ ᠲᠠᠪᠤ ᠳᠤ᠂ ᠬᠦᠮᠤᠨ ᠢᠶᠠᠷ ᠦᠡᠳᠤᠰᠤ ᠪᠤᠯᠭᠠᠬᠤ ᠶᠢ ᠪᠠᠷᠢᠮᠳᠠᠯᠠᠨ᠎ᠠ᠃ ᠬᠦᠮᠤᠨ ᠢᠶᠠᠷ ᠦᠡᠳᠤᠰᠤ ᠪᠤᠯᠭᠠᠬᠤ ᠬᠦᠭᠵᠢᠯᠳᠠ ᠶᠢᠨ ᠦᠵᠡᠯᠳᠡ ᠶᠢ ᠦᠷᠬᠦᠯᠵᠢᠯᠡᠨ ᠪᠠᠷᠢᠮᠳᠠᠯᠠᠵᠤ᠂ ᠤᠯᠠᠨ ᠲᠦᠮᠡᠨ ᠤ ᠢᠳᠡᠪᠬᠢᠳᠤ ᠴᠢᠨᠠᠷ᠂ ᠰᠠᠨᠠᠭᠠᠴᠢᠯᠠᠭᠠᠳᠤ ᠴᠢᠨᠠᠷ ᠪᠠ ᠪᠦᠳᠦᠭᠡᠯᠴᠢ ᠴᠢᠨᠠᠷ ᠢ ᠬᠦᠢᠴᠡᠳ ᠲᠠᠶᠢᠴᠢᠯᠠᠵᠤ᠂ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠦᠢᠯᠡᠰ ᠢ ᠶᠡᠭᠡ ᠪᠠᠷ ᠬᠦᠭᠵᠢᠬᠦᠯᠤᠨ᠂ ᠠᠷᠡᠳ ᠲᠦᠮᠡᠨ ᠳᠤ ᠬᠦᠭᠵᠢᠯᠳᠠ ᠶᠢᠨ ᠦᠷ᠎ᠠ ᠪᠦᠳᠤᠬᠡᠯ ᠎ ᠢ ᠡᠳ᠋ᠯᠡᠬᠦᠯᠤᠨ᠎ᠠ᠃ ᠵᠢᠷᠭᠤᠭ᠎ᠠ ᠳᠤ᠂ ᠤᠡᠴᠠᠯᠢᠭᠳᠤ ᠤᠯᠠᠨ ᠡᠰᠢᠵᠢᠭᠰᠡᠨ ᠬᠦᠭᠵᠢᠯᠳᠠ ᠶᠢ ᠪᠠᠷᠢᠮᠳᠠᠯᠠᠨ᠎ᠠ᠃ ᠴᠠᠪᠡᠷ ᠡᠨᠧᠷᠬᠢ ᠪᠠᠶᠢᠭᠠᠯᠢᠯᠢᠭ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠢ ᠡᠳ᠋ᠰᠢᠬᠦᠯᠤᠨ ᠪᠤᠯᠪᠠᠰᠤᠷᠠᠭᠤᠯᠬᠤ᠂ ᠰᠤᠶᠤᠯ ᠵᠤᠭᠠᠴᠠᠯ᠂ ᠦᠩᠬᠡᠳᠤ ᠲᠠᠮᠦᠷᠯᠢᠭ ᠪᠤᠯᠪᠠᠰᠤᠷᠠᠭᠤᠯᠬᠤ᠂ ᠰᠢᠨ᠎ᠠ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠬᠡ ᠲᠠᠪᠠᠭᠤᠯᠢᠭ ᠤᠡᠴᠠᠯᠢᠭᠳᠤ ᠠᠵᠤ ᠦᠢᠯᠡᠰ ᠢ ᠶᠡᠭᠡ ᠪᠠᠷ ᠬᠦᠭᠵᠢᠬᠦᠯᠵᠤ᠂ ᠤᠯᠠᠮᠵᠢᠯᠠᠯᠳᠤ ᠠᠵᠤ ᠦᠢᠯᠡᠰ ᠢ ᠲᠡᠰ ᠲᠠᠪᠰᠢᠬᠦᠯᠬᠦ ᠶᠢ ᠠᠬᠢᠭᠤᠯᠤᠨ᠂ ᠰᠢᠨ᠎ᠠ ᠪᠠᠷ ᠮᠠᠡᠳᠤᠭᠰᠡᠨ ᠠᠵᠤ ᠦᠢᠯᠡᠰ ᠢ ᠰᠢᠡᠵᠢᠯᠡᠬᠦ ᠤᠬᠠᠭᠠᠡᠴᠢ᠂ ᠡᠮᠬᠢ ᠲᠠᠷᠠᠭ᠎ᠠ ᠎ ᠲᠠᠢ ᠬᠦᠭᠵᠢᠬᠦᠯᠵᠤ᠂ ᠤᠯᠠᠨ ᠡᠰᠢᠵᠢᠬᠦᠯᠤᠨ ᠲᠤᠯᠭᠠᠭᠤᠷᠢᠯᠠᠭᠰᠡᠨ ᠲᠤᠭᠳᠠᠭᠤᠨ ᠬᠦᠭᠵᠢᠯᠳᠠ ᠶᠢᠨ ᠪᠠᠶᠢᠳᠠᠯ ᠢ ᠪᠤᠢ ᠪᠤᠯᠭᠠᠨ᠎ᠠ᠃ ᠲᠤᠯᠤᠭ᠎ᠠ ᠳᠤ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠠᠷᠢᠮᠳᠠᠯᠠᠨ᠎ᠠ᠃ ᠬᠠᠤᠯᠢ ᠪᠠᠷ ᠵᠠᠰᠠᠭ ᠪᠠᠷᠢᠬᠤ᠂ ᠭᠤᠤᠯᠴᠢ ᠪᠠᠷ ᠬᠠᠤᠯᠢ ᠬᠡᠷᠡᠭᠵᠢᠬᠦᠯᠬᠦ᠂ ᠠᠷᠡᠳ ᠢᠶᠠᠷ ᠢᠶᠠᠨ ᠬᠠᠤᠯᠢ ᠰᠠᠬᠢᠬᠤ ᠶᠢ ᠲᠦᠯᠬᠢᠨ ᠠᠬᠢᠭᠤᠯᠵᠤ᠂ ᠬᠠᠤᠯᠢ ᠪᠠᠷ ᠡᠯ᠎ᠠ ᠲᠦᠷᠥᠯ ᠤᠨ ᠠᠵᠢᠯᠯᠠᠭ᠎ᠠ ᠪᠠᠨ ᠵᠢᠷᠤᠮᠵᠢᠭᠤᠯᠤᠨ᠎ᠠ᠃ ᠨᠠᠢᠮᠠ ᠳᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠎ᠠ᠃ ᠨᠠᠮ ᠤᠨ ᠤᠳᠤᠷᠢᠳᠤᠯᠭ᠎ᠠ ᠶᠢᠨ ᠭᠤᠤᠯᠯᠠᠭᠴᠢ ᠦᠢᠯᠡᠳᠤᠯ ᠢ ᠬᠦᠢᠴᠡᠳ ᠪᠠᠳᠠᠷᠠᠭᠤᠯᠵᠤ᠂ ᠨᠠᠮ ᠤᠨ ᠵᠠᠰᠠᠭ ᠪᠠᠷᠢᠬᠤ ᠴᠢᠳᠠᠪᠤᠷᠢ ᠪᠠ ᠬᠢᠷᠢ ᠲᠦᠪᠰᠢᠨ ᠢ ᠲᠠᠬᠡᠭᠰᠢᠯᠡᠬᠦᠯᠵᠤ᠂ ︽ᠠᠷᠪᠠᠨ ᠭᠤᠷᠪᠡᠳᠤᠭᠠᠷ ᠲᠠᠪᠤᠨ ᠵᠢᠯ︾ ᠎ ᠤᠨ ᠲᠠᠮᠠᠴᠡᠬᠦ ᠬᠠᠷᠠᠯᠳᠠ ᠶᠢ ᠪᠠᠶᠠᠯᠠᠬᠦᠯᠬᠦ ᠳᠤ ᠤᠯᠤᠰ ᠲᠦᠷᠥ ᠶᠢᠨ ᠪᠠᠳᠤᠯᠠᠭ᠎ᠠ ᠬᠠᠩᠭᠠᠨ᠎ᠠ᠃     ᠲᠦᠯᠤᠬᠡᠯᠡᠭᠴᠢᠳ ᠡ︕ ᠦᠩᠬᠡᠷᠡᠭᠰᠡᠨ ᠢᠶᠠᠨ ᠡᠷᠬᠢᠴᠡᠬᠦᠯᠤᠨ᠂ ᠢᠷᠡᠬᠡᠳᠤᠢ ᠪᠠᠨ ᠪᠠᠷᠠᠯᠠᠬᠤᠶ᠎ᠠ᠂  ᠬᠦᠭᠵᠢᠯᠳᠠ ᠶᠢᠨ ᠲᠠᠷᠳᠡᠩ ᠵᠠᠮ ᠡᠮᠤᠨ᠎ᠠ ᠲᠤᠷᠠᠶᠢᠵᠤ᠂ ᠪᠢᠳᠠᠨ ᠤ ᠢᠳᠡᠬᠡᠯ ᠵᠤᠷᠢᠭ ᠢ ᠬᠦᠪᠴᠢᠯᠡᠵᠤ ᠪᠠᠶᠢᠨ᠎ᠠ᠃ ︽ᠠᠷᠪᠠᠨ ᠭᠤᠷᠪᠡᠳᠤᠭᠠᠷ ᠲᠠᠪᠤᠨ ᠵᠢᠯ︾  ᠎ ᠤᠨ ᠲᠦᠯᠤᠪᠵᠢᠬᠦᠯᠬᠡ ᠶᠢᠨ ᠬᠦᠳᠤᠯᠪᠤᠷᠢ ︵ᠡᠬᠡ ᠨᠤᠤᠷᠠᠭ︶᠎ ᠶᠢ ᠲᠤᠰ ᠤᠳᠠᠭᠠᠨ ᠤ ᠠᠷᠡᠳ ᠤᠨ ᠲᠦᠯᠤᠬᠡᠯᠡᠭᠴᠢᠳ ᠤᠨ ᠬᠤᠷᠡᠯ ᠢᠶᠠᠷ ᠪᠠᠳᠣᠯᠠᠭᠳᠠᠭᠰᠠᠨ ᠤ ᠲᠠᠷᠠᠭ᠎ᠠ᠂ ᠪᠢᠳᠠ ᠡᠷᠬᠡᠪᠰᠢ  ᠭᠤᠶᠢᠪᠢᠰᠢ ᠦᠬᠡᠢ ᠪᠠᠷᠢᠮᠳᠠᠯᠠᠨ᠂ ᠤᠶᠤᠨ ᠤᠬᠠᠭᠠᠨ᠂ ᠬᠦᠴᠤᠨ ᠴᠢᠳᠠᠯ ᠢᠶᠠᠨ ᠲᠦᠪᠯᠡᠷᠡᠬᠦᠯᠤᠨ ᠰᠠᠶᠢᠳᠤᠷ ᠨᠠᠶᠢᠳᠠᠪᠤᠷᠢᠵᠢᠭᠤᠯᠵᠦ᠂ ᠪᠦᠬᠦ ᠬᠤᠰᠢᠭᠤᠨ ᠤ ᠡᠯ᠎ᠠ ᠦᠡᠳᠤᠰᠤᠳᠠᠨ ᠤ ᠠᠷᠡᠳ ᠲᠦᠮᠡᠨ ᠤ ᠬᠠᠮᠳᠤ ᠶᠢᠨ ᠴᠢᠷᠮᠠᠶᠢᠯᠭ᠎ᠠ ᠎ ᠪᠠᠷ ᠲᠠᠮᠵᠢᠨ ︽ᠠᠷᠪᠠᠨ ᠭᠤᠷᠪᠡᠳᠤᠭᠠᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠠᠤᠭ᠎ᠠ ᠦᠢᠯᠡᠰ ᠯᠠᠪᠳᠡᠢ ᠪᠠᠶᠠᠯᠡᠭᠳᠡᠵᠤ᠂ ᠠᠪᠠᠭ᠎ᠠ ᠬᠤᠰᠢᠭᠤᠨ ᠤ ᠢᠷᠡᠬᠡᠳᠤᠢ ᠨᠠᠩ ᠬᠡᠬᠡᠨ ᠰᠠᠷᠠᠭᠤᠯ ᠪᠤᠯᠤᠨ᠎ᠠ ᠬᠡᠳᠡᠭ ᠢ ᠪᠠᠳᠤ ᠢᠳᠡᠬᠡᠵᠤ ᠪᠠᠶᠢᠨ᠎ᠠ᠃     2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠡᠬᠢᠯᠠᠯᠳᠠ ᠶᠢᠨ ᠵᠢᠯ ᠪᠠᠶᠢᠵᠤ᠂ ᠠᠵᠤ ᠠᠬᠤᠢ ᠨᠠᠶᠢᠬᠡᠮ ᠤᠨ ᠡᠯ᠎ᠠ ᠲᠦᠷᠥᠯ ᠤᠨ ᠠᠵᠢᠯ ᠢ ᠰᠠᠶᠢᠳᠤᠷ ᠪᠠᠶᠠᠯᠠᠬᠦᠯᠬᠦ ᠨᠢ ᠠᠯᠤᠰ ᠬᠡᠳᠤ ᠶᠢᠨ ᠠᠴᠢ ᠬᠤᠯᠪᠤᠭᠳᠠᠯ ᠲᠠᠢ ᠶᠤᠮ᠃ ᠦᠨᠤ ᠵᠢᠯ ᠤᠨ ᠵᠠᠰᠠᠭ ᠤᠨ ᠤᠷᠳᠤᠨ ᠤ ᠠᠵᠢᠯ ᠤᠨ ᠶᠠᠷᠤᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠡᠳᠤᠭᠠᠷ᠂ ᠲᠦᠷᠪᠡᠳᠤᠬᠡᠷ᠂ ᠲᠠᠪᠤᠳᠤᠭᠠᠷ ᠪᠦᠬᠦᠳᠡ ᠬᠤᠷᠡᠯ ᠬᠢᠬᠡᠳ ᠰᠢ ᠶᠢᠨ ᠫᠢᠡᠭ ᠶᠠᠷᠤᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠡᠵᠡᠬᠡᠢ ᠰᠤᠷᠤᠯᠴᠠᠨ ᠲᠤᠤᠱᠯᠠᠭᠤᠯᠵᠤ᠂ ᠦᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠳᠬᠢᠴᠠ ᠪᠠ ᠪᠦᠬᠦ ᠤᠷᠤᠨ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ︽ᠨᠠᠢᠮᠠᠨ ᠲᠠᠯ᠎ᠠ ᠎ ᠪᠠᠷ ᠬᠦᠴᠤᠯᠡᠬᠦ︾ ᠬᠦᠭᠵᠢᠯᠳᠠ ᠶᠢᠨ ᠱᠠᠭᠠᠷᠳᠠᠯᠭ᠎ᠠ ᠶᠢ ᠦᠡᠳᠤᠰᠤᠯᠠᠨ᠂ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠡ ᠲᠠᠢ᠂ ᠬᠠᠮᠳᠤᠪᠡᠷ ᠡᠳ᠋ᠯᠡᠬᠦ ᠬᠦᠭᠵᠢᠯᠳᠠ ᠶᠢᠨ ᠦᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠲᠠᠢ ᠢᠳᠡᠪᠬᠢᠳᠡᠢ ᠵᠤᠬᠢᠴᠠᠨ᠂ ᠲᠤᠭᠳᠠᠭᠤᠨ ᠎ ᠢ ᠪᠠᠳᠤᠯᠠᠨ ᠬᠦᠭᠵᠢᠯᠳᠠ ᠶᠢ ᠠᠬᠢᠭᠤᠯᠬᠤ ᠠᠵᠢᠯ ᠤᠨ ᠬᠦᠭ ᠠᠶᠠᠰ ᠢ ᠪᠠᠷᠢᠮᠳᠠᠯᠠᠨ᠂ ᠬᠤᠷᠸ᠎ᠠ ᠲᠦᠷᠥ ᠶᠢᠨ ᠪᠤᠳᠤᠯᠭ᠎ᠠ ᠲᠤᠭᠳᠠᠪᠤᠷᠢᠳᠡᠢ᠂ ᠠᠵᠤ ᠦᠢᠯᠡᠰ ᠤᠨ ᠲᠦᠷᠥ ᠶᠢᠨ ᠪᠤᠳᠤᠯᠭ᠎ᠠ ᠤᠨᠤᠪᠴᠢᠳᠡᠢ᠂ ᠬᠤᠮᠠᠬᠢ ᠲᠦᠷᠥ ᠶᠢᠨ ᠪᠤᠳᠤᠯᠬ᠎ᠠ ᠠᠮᠢᠳᠤᠯᠢᠭ᠂ ᠦᠬᠡᠷᠡᠴᠢᠯᠡᠯᠳᠠ ᠶᠢᠨ ᠲᠦᠷᠥ ᠶᠢᠨ ᠪᠤᠳᠤᠯᠭ᠎ᠠ ᠪᠤᠳᠠᠳᠡᠢ᠂ ᠨᠠᠶᠢᠬᠡᠮ ᠤᠨ ᠲᠦᠷᠥ ᠶᠢᠨ ᠪᠤᠳᠤᠯᠭ᠎ᠠ ᠪᠠᠷ ᠪᠠᠳᠤᠯᠠᠭ᠎ᠠ ᠪᠤᠯᠭᠠᠬᠤ ᠱᠠᠭᠠᠷᠳᠠᠯᠭ᠎ᠠ  ᠎ ᠪᠠᠷ ᠠᠵᠤ ᠦᠢᠯᠡᠰ ᠢ ᠠᠳᠬᠤᠨ ᠪᠦᠳᠤᠴᠠ ᠪᠠᠨ ᠲᠤᠬᠢᠷᠠᠭᠤᠯᠵᠤ ᠬᠦᠭᠵᠢᠯᠳᠡ ᠶᠢᠨ ᠬᠡᠯᠪᠡᠷᠢ ᠶᠢᠨ ᠬᠤᠪᠢᠷᠠᠭᠤᠯᠣᠯᠳᠠ ᠶᠢ ᠬᠦᠴᠤᠯᠠᠨ ᠠᠬᠢᠭᠤᠯᠤᠨ᠎ᠠ︔ ᠲᠦᠷᠥᠯ ᠵᠥᠢᠯ ᠢ ᠠᠳᠬᠤᠨ ᠪᠡᠯᠡ ᠤᠷᠤᠭᠤᠯᠤᠯᠳᠠ ᠶᠢ ᠨᠡᠮᠡᠭᠳᠡᠬᠦᠯᠵᠤ᠂ ᠠᠵᠤ ᠠᠬᠤᠢ ᠶᠢᠨ ᠨᠡᠮᠡᠭᠳᠡᠯ ᠢ ᠬᠦᠴᠦᠯᠡᠨ ᠲᠤᠭᠳᠠᠪᠤᠷᠢᠵᠢᠭᠤᠯᠤᠨ᠎ᠠ︔ ᠦᠬᠡᠷᠡᠴᠢᠯᠡᠯᠳᠡ ᠬᠢᠵᠦ ᠴᠢᠯᠦᠭᠡᠳᠡᠢ ᠶᠠᠪᠣᠯᠴᠠᠬᠤ ᠶᠢ ᠠᠬᠢᠭᠤᠯᠤᠨ᠂ ᠬᠦᠭᠵᠢᠯᠳᠠ ᠶᠢᠨ ᠠᠮᠢᠵᠢᠷᠠᠯ ᠤᠨ ᠬᠦᠴᠤᠨ ᠢ ᠬᠦᠴᠤᠯᠠᠨ ᠨᠡᠮᠡᠭᠳᠡᠬᠦᠯᠤᠨ᠎ᠠ︔ ᠠᠮᠢ ᠠᠬᠤᠢ ᠶᠢ ᠰᠠᠶᠢᠵᠢᠷᠠᠭᠤᠯᠤᠨ᠂ ᠰᠠᠭᠤᠷᠢ ᠲᠦᠬᠦᠬᠡᠷᠤᠮᠵᠢ ᠶᠢ ᠴᠢᠩᠭᠠᠳᠬᠠᠵᠤ᠂ ᠪᠤᠬᠢᠷᠳᠤᠯ ᠦᠬᠡᠢ ᠬᠦᠭᠵᠢᠯᠳᠠ ᠶᠢ ᠬᠦᠴᠤᠯᠠᠨ ᠠᠬᠢᠭᠤᠯᠤᠨ᠎ᠠ︔ ᠨᠢᠬᠡᠳᠤᠯᠳᠡᠢ ᠲᠦᠯᠤᠪᠵᠢᠬᠦᠯᠵᠤ ᠬᠦᠷᠤᠯᠴᠠᠬᠦ ᠦᠬᠡᠢ ᠲᠠᠯ᠎ᠠ ᠪᠠᠨ ᠨᠦᠬᠦᠪᠤᠷᠢᠯᠡᠨ᠂ ᠵᠤᠬᠢᠴᠠᠩᠭᠤᠢ ᠬᠦᠭᠵᠢᠯᠳᠠ ᠶᠢ ᠬᠦᠴᠤᠯᠠᠨ ᠠᠬᠢᠭᠤᠯᠤᠨ᠎ᠠ︔ ᠠᠷᠡᠳ ᠤᠨ ᠠᠮᠢᠳᠤᠷᠡᠯ ᠢ ᠰᠠᠶᠢᠵᠢᠷᠠᠭᠤᠯᠬᠤ ᠶᠢ ᠠᠳᠬᠤᠨ᠂ ᠲᠤᠭᠳᠠᠭᠤᠨ ᠢ ᠪᠠᠳᠤᠯᠠᠵᠤ᠂ ᠬᠠᠮᠳᠤᠪᠠᠷ ᠡᠳ᠋ᠯᠡᠬᠦ ᠬᠦᠭᠵᠢᠯᠳᠠ ᠶᠢ ᠴᠢᠷᠮᠠᠶᠢᠨ ᠪᠠᠶᠠᠯᠠᠬᠦᠯᠵᠤ᠂ ᠤᠶᠤᠨ ᠤᠬᠠᠭᠠᠨ ᠪᠠ ᠬᠦᠴᠤᠨ ᠴᠢᠳᠠᠯ ᠢᠶᠠᠨ ᠲᠦᠪᠯᠡᠷᠡᠬᠦᠯᠤᠨ᠂ ᠦᠨᠡᠨ ᠪᠤᠳᠠᠳᠡᠢ ᠠᠵᠢᠯᠯᠠᠵᠤ᠂ ᠬᠦᠴᠢᠷ ᠪᠠᠷᠬᠡᠰᠢᠶᠠᠯ ᠢ ᠢᠯᠠᠨ ᠲᠠᠪᠠᠵᠤ᠂ ︽ᠠᠷᠪᠠᠨ ᠭᠤᠷᠪᠡᠳᠤᠭᠠᠷ ᠲᠠᠪᠤᠨ ᠵᠢᠯ︾᠎ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠰᠠᠶᠢᠨ ᠰᠠᠶᠢᠬᠠᠨ ᠡᠬᠢᠯᠡᠯᠳᠡ ᠳᠤ ᠰᠠᠭᠤᠷᠢ ᠲᠠᠯᠪᠢᠵᠤ᠂ ᠴᠢᠨᠠᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠠᠶᠠᠯᠠᠬᠦᠯᠬᠦ ᠬᠠᠷᠠᠯᠳᠠ ᠶᠢ ᠲᠡᠷᠭᠡᠯᠰᠢᠯᠡᠬᠦᠯᠬᠦ ᠪᠠᠷ ᠴᠢᠷᠮᠠᠶᠢᠨ᠎ᠠ᠃     ᠭᠤᠤᠯ ᠪᠤᠯᠬᠤ ᠵᠢᠱᠢᠭᠰᠡᠨ ᠬᠠᠷᠠᠯᠳᠠ ᠪᠤᠯ᠄ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 72.4 ᠳ᠋ᠦᠩᠰᠢᠭᠤᠷ ᠲᠦᠬᠦᠷᠢᠭ ᠲᠤ ᠬᠦᠷᠬᠡᠵᠤ᠂ 10%᠎ ᠪᠠᠷ ᠨᠡᠮᠡᠭᠳᠡᠬᠦᠯᠤᠨ᠎ᠠ᠃ ᠡᠬᠦᠨ ᠳᠤ ᠨᠢᠬᠡᠳᠤᠬᠡᠷ ᠠᠵᠤ ᠦᠢᠯᠡᠰ ᠤᠨ ᠨᠡᠮᠡᠭᠳᠡᠯ ᠦᠷᠳᠡᠭ ᠢ 8.2 ᠳ᠋ᠦᠩᠰᠢᠭᠤᠷ ᠲᠦᠬᠦᠷᠢᠭ ᠲᠤ ᠬᠦᠷᠬᠡᠵᠤ᠂ 1.5%᠎ ᠪᠠᠷ ᠨᠡᠮᠡᠭᠳᠡᠬᠦᠯᠤᠨ᠎ᠠ ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 53.5 ᠳ᠋ᠦᠩᠰᠢᠭᠤᠷ ᠲᠦᠬᠦᠷᠢᠭ ᠲᠤ ᠬᠦᠷᠬᠡᠵᠤ᠂ 12.7%᠎ ᠪᠠᠷ ᠨᠡᠮᠡᠭᠳᠡᠬᠦᠯᠤᠨ᠎ᠠ︔ ᠭᠤᠷᠪᠡᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 10.7 ᠳ᠋ᠦᠩᠰᠢᠭᠤᠷ ᠲᠦᠬᠦᠷᠢᠭ ᠲᠤ ᠬᠦᠷᠬᠡᠵᠤ᠂ 7.6%᠎ ᠪᠠᠷ ᠨᠡᠮᠡᠭᠳᠡᠬᠦᠯᠤᠨ᠎ᠠ︔ ᠪᠦᠬᠦ ᠨᠠᠶᠢᠬᠡᠮ ᠤᠨ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 49.37 ᠳ᠋ᠦᠩᠰᠢᠭᠤᠷ ᠲᠦᠬᠦᠷᠢᠭ ᠲᠤ ᠬᠦᠷᠬᠡᠵᠤ᠂ 20.1%᠎ ᠪᠠᠷ ᠨᠡᠮᠡᠭᠳᠡᠬᠦᠯᠤᠨ᠎ᠠ︔ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 2.2 ᠳ᠋ᠦᠩᠰᠢᠭᠤᠷ ᠲᠦᠬᠦᠷᠢᠭ ᠲᠤ ᠬᠦᠷᠬᠡᠵᠤ᠂ 11.1%᠎ ᠪᠠᠷ ᠨᠡᠮᠡᠭᠳᠡᠬᠦᠯᠤᠨ᠎ᠠ᠃ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ  ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠶᠢ 11.5 ᠳ᠋ᠦᠩᠰᠢᠭᠤᠷ ᠲᠦᠬᠦᠷᠢᠭ ᠲᠤ ᠬᠦᠷᠬᠡᠵᠤ᠂ 9.5%᠎ ᠪᠠᠷ ᠨᠡᠮᠡᠭᠳᠡᠬᠦᠯᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠡᠳ ᠤᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠲᠤᠰ ᠲᠤᠰ 33780 ᠲᠦᠬᠦᠷᠢᠭ ᠪᠠ 23210 ᠲᠦᠬᠦᠷᠢᠭ ᠲᠤ ᠬᠦᠷᠬᠡᠵᠤ᠂ 9.5% ᠪᠠ 10.5%᠎ ᠪᠠᠷ ᠨᠡᠮᠡᠭᠳᠡᠬᠦᠯᠤᠨ᠎ᠠ᠃ ᠬᠤᠳᠠ ᠪᠠᠯᠭᠠᠰᠤᠨ ᠤ ᠲᠠᠩᠰᠠᠯᠠᠭᠤᠯᠤᠭᠰᠡᠨ ᠠᠵᠢᠯ ᠠᠯᠳᠠᠭᠰᠠᠨ ᠨᠤᠷᠮ᠎ᠠ ᠶᠢ 2% ᠲᠤᠳᠤᠷ᠎ᠠ ᠬᠢᠵᠠᠭᠠᠷᠯᠠᠵᠤ᠂ ᠡᠨᠧᠷᠬᠢ ᠠᠷᠪᠢᠯᠠᠵᠤ ᠪᠤᠬᠢᠷᠳᠤᠯ ᠭᠠᠳᠠᠭᠰᠢᠯᠠᠭᠤᠯᠬᠤ ᠶᠢ ᠠᠶᠢᠮᠠᠭ ᠤᠨ ᠲᠤᠭᠳᠠᠭᠠᠭᠰᠡᠨ ᠡᠬᠦᠷᠬᠡ ᠶᠢᠨ ᠬᠡᠪᠴᠢᠶᠠᠨ ᠳᠤ ᠬᠢᠵᠠᠭᠠᠷᠯᠠᠨ᠎ᠠ᠃ ᠲᠡᠬᠡᠷ᠎ᠠ ᠲᠤᠷᠡᠳᠤᠭᠰᠡᠨ ᠬᠠᠷᠠᠯᠳᠠ ᠶᠢ ᠪᠠᠶᠠᠯᠠᠬᠦᠯᠬᠦ ᠳᠤ ᠲᠤᠤᠷᠡᠬᠢ ᠮᠠᠳᠤ ᠬᠡᠳᠤᠨ ᠲᠠᠯ᠎ᠠ ᠶᠢᠨ ᠠᠵᠢᠯ ᠢ ᠦᠨᠡᠡᠬᠦ ᠰᠠᠶᠢᠳᠤᠷ ᠬᠢᠨ᠎ᠠ᠃     ︵ᠨᠢᠬᠡ︶ ᠤᠳᠤᠬᠢᠴᠢᠯᠠᠭᠰᠡᠨ ᠮᠠᠯ ᠠᠵᠤ ᠠᠬᠤᠢ ᠶᠢᠨ ᠬᠦᠭᠵᠢᠯᠳᠠ ᠶᠢ ᠠᠬᠢᠭᠤᠯᠤᠨ᠎ᠠ᠃ ︽ᠮᠠᠯᠵᠢᠬᠤ ᠤᠷᠤᠨ ᠤ ᠠᠮᠢ ᠠᠬᠤᠢ ᠶᠢ ᠰᠡᠷᠬᠦᠭᠡᠬᠦ᠂ ᠮᠠᠯ ᠠᠵᠦ ᠠᠬᠤᠢ ᠶᠢᠨ ᠦᠷ᠎ᠡ ᠠᠰᠢᠭ ᠢ ᠲᠡᠭᠡᠭᠰᠢᠯᠡᠬᠦᠯᠬᠦ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ︾ ᠬᠠᠷᠠᠯᠳᠠ ᠶᠢᠨ ᠲᠤᠭᠤᠷᠢᠨ ᠳᠤ᠂ ᠠᠵᠦ ᠦᠢᠯᠡᠰᠵᠢᠯᠳᠡ᠂ ᠬᠡᠪᠴᠢᠶᠠᠵᠢᠯᠳᠡ᠂ ᠪᠠᠷᠢᠮᠵᠢᠶᠠᠵᠢᠯᠳᠡ᠂ ᠨᠡᠷ᠎ᠡ ᠲᠡᠮᠳᠡᠭᠵᠢᠯᠳᠡ ᠶᠢᠨ ᠴᠢᠭᠯᠡᠯ ᠢ ᠪᠠᠷᠢᠮᠳᠠᠯᠠᠨ᠂ ᠮᠠᠯ ᠠᠵᠦ ᠠᠬᠤᠢ ᠶᠢᠨ ᠬᠦᠭᠵᠢᠯᠳᠡ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠲᠦᠷᠭᠡᠳᠭᠡᠵᠦ᠂ ᠴᠢᠨᠠᠷ ᠢ ᠲᠡᠭᠡᠭᠰᠢᠯᠡᠬᠦᠯᠦᠨ᠂ ᠦᠷ᠎ᠡ ᠠᠰᠢᠭ ᠢ ᠨᠡᠮᠡᠭᠳᠡᠬᠦᠯᠬᠦ ᠲᠡᠭᠡᠷ᠎ᠡ ᠬᠦᠴᠦ ᠲᠠᠯᠪᠢᠨ᠎ᠠ᠃ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠭᠠᠯᠠᠯᠳᠠ ᠪᠠ ᠪᠦᠳᠤᠬᠡᠨ ᠪᠠᠶᠢᠭᠤᠯᠤᠯᠳᠠ ᠶᠢᠨ ᠡᠷᠴᠢᠮ ᠢᠶᠠᠨ ᠴᠢᠩᠭᠠᠯᠠᠨ᠂ ᠮᠠᠯ ᠪᠡᠯᠴᠢᠭᠡᠷ ᠤᠨ ᠲᠠᠩᠴᠠᠭᠦᠷᠢ᠂ ᠨᠤᠳᠤᠭ ᠪᠠᠯᠴᠢᠭᠡᠷ ᠤᠨ ︽ ᠪᠡᠯᠴᠢᠭᠡᠷ ᠰᠡᠷᠬᠦᠭᠡᠬᠦ᠂ ᠪᠠᠯᠴᠢᠭᠡᠷᠯᠡᠬᠦᠯᠬᠦ ᠶᠢ ᠵᠤᠭᠰᠤᠭᠠᠬᠤ᠂ ᠰᠡᠯᠬᠦᠨ ᠮᠠᠯᠵᠢᠬᠤ︾ ᠲᠦᠷᠢᠮ ᠪᠠ ᠪᠠᠶᠢᠭᠠᠯᠢᠯᠢᠭ ᠬᠠᠳᠤᠯᠠᠩ ᠪᠠᠯᠴᠢᠭᠡᠷ ᠢ ᠲᠠᠯᠠᠩ ᠭᠠᠷᠭᠠᠵᠤ ᠬᠠᠳᠤᠬᠤ ᠲᠦᠷᠢᠮ ᠢ ᠰᠠᠶᠢᠳᠤᠷ ᠨᠠᠶᠢᠳᠠᠪᠤᠷᠢᠵᠢᠭᠤᠯᠵᠦ᠂ ᠲᠠᠯ᠎ᠠ ᠨᠤᠳᠤᠭ ᠤᠨ ᠭᠠᠯ ᠰᠡᠷᠭᠡᠶᠢᠯᠡᠬᠦ ᠠᠵᠢᠯ ᠤᠨ ᠡᠷᠴᠢᠮ ᠎ ᠢᠶᠠᠨ ᠴᠢᠩᠭᠠᠳᠬᠠᠨ᠂ ᠠᠮᠢ ᠠᠬᠤᠢ ᠶᠢᠨ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠲᠤᠰᠬᠠᠢ ᠲᠦᠷᠦᠯ ᠎ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠡᠷᠴᠢᠮᠳᠠᠢ ᠦᠷᠨᠢᠬᠦᠯᠵᠦ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠪᠠ ᠪᠤᠬᠢᠷᠳᠤᠯ ᠭᠠᠳᠠᠭᠰᠢᠯᠠᠭᠤᠯᠬᠤ ᠠᠵᠢᠯ ᠢ ᠰᠠᠶᠢᠳᠤᠷ  ᠠᠳᠬᠤᠨ᠎ᠠ᠃ ᠠᠮᠢ ᠠᠬᠤᠢ ᠶᠢᠨ ᠬᠠᠮᠠᠭᠠᠯᠠᠯᠳᠠ ᠎ ᠶᠢᠨ ᠬᠤᠷᠢᠭ᠎ᠠ ᠱᠤᠭᠤᠮ ᠤᠨ ᠵᠠᠭᠠᠭ ᠢ ᠲᠤᠭᠳᠠᠭᠠᠵᠦ᠂ ᠬᠤᠶᠠᠳᠤᠭᠠᠷ ᠡᠭᠡᠯᠵᠢ ᠶᠢᠨ ᠨᠤᠳᠤᠭ ᠪᠠᠯᠴᠢᠭᠡᠷ ᠠᠮᠢ ᠠᠬᠤᠢ ᠎ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ᠂ ᠨᠡᠶᠢᠳᠡ ᠶᠢᠨ ᠠᠰᠢᠬᠳᠦ ᠤᠢ ᠶᠢᠨ ᠨᠦᠬᠦᠪᠦᠷᠢ ᠤᠯᠭᠤᠬᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠰᠠᠶᠢᠳᠤᠷ ᠬᠡᠷᠡᠭᠵᠢᠬᠦᠯᠵᠦ᠂ ᠡᠯᠡᠰᠤᠷᠬᠡᠭᠵᠢᠯ ᠤᠨ ᠲᠤᠬᠠᠢ ᠰᠤᠳᠤᠯᠭᠠᠨ ᠤ ᠨᠢᠬᠡ ᠴᠣᠭᠴᠠᠵᠢᠭᠤᠯᠣᠭᠰᠠᠨ ᠲᠦᠷᠥᠯ ᠵᠥᠢᠯ ᠢ ᠢᠳᠡᠪᠬᠢᠳᠡᠢ ᠠᠬᠢᠭᠤᠯᠤᠨ᠎ᠠ᠃ ᠲᠤᠰ ᠵᠢᠯ ᠎ ᠳᠤ 5000 ᠲᠦᠮᠡᠨ ᠲᠦᠬᠦᠷᠢᠭ ᠤᠨ ᠪᠡᠯᠡ ᠤᠷᠤᠭᠤᠯᠵᠦ᠂ 4.5 ᠲᠦᠮᠡᠨ ᠮᠤ᠋ ᠭᠠᠵᠡᠷ ᠢ ᠦᠢᠵᠢᠭᠤᠯᠵᠤ᠂ ᠭᠤᠤᠯᠳᠠᠯᠭᠠᠳᠤ ᠤᠷᠤᠨ ᠪᠦᠰᠠ ᠶᠢ 2300 ᠮᠤ᠋ ᠨᠤᠭᠤᠭᠠᠷᠠᠭᠤᠯᠵᠤ᠂ 5.4 ᠲᠦᠮᠡᠨ ᠮᠤ᠋ ᠨᠤᠳᠤᠭ ᠢ ᠲᠤᠤᠷᠯᠠᠵᠤ ᠪᠢᠳᠠᠬᠦᠮᠵᠢᠯᠡᠨ  ᠂ 2127 ᠮᠤ᠋ ᠭᠤᠤᠯᠳᠠᠯᠭ᠎ᠠ ᠲᠠᠢ ᠵᠠᠮ ᠱᠤᠭᠤᠮ ᠲᠠᠭᠠᠤ ᠶᠢᠨ ᠡᠪᠳᠡᠭᠳᠡᠭᠰᠡᠨ ᠭᠠᠵᠡᠷ ᠲᠤ ᠤᠷᠴᠢᠨ ᠲᠤᠭᠤᠷᠢᠨ ᠤ ᠵᠠᠰᠠᠯᠳᠠ ᠶᠢᠨ ᠢᠡᠵᠧᠨᠧᠷᠢᠩ ᠢ ᠬᠡᠷᠡᠭᠵᠢᠬᠦᠯᠵᠤ᠂ 3 ᠳ᠋ᠦᠩᠰᠢᠭᠤᠷ ᠺᠢᠯᠦᠭᠷᠡᠮ ᠠᠴᠠ ᠲᠡᠬᠡᠭᠰᠢ ᠡᠪᠡᠰᠤ ᠬᠠᠳᠤᠵᠤ ᠨᠦᠬᠡᠴᠠᠯᠠᠨ᠎ᠠ᠃ ᠮᠠᠯ ᠠᠵᠦ ᠠᠬᠤᠢ ᠶᠢᠨ ᠪᠦᠳᠦᠴᠡ ᠶᠢ ᠲᠤᠬᠢᠷᠠᠭᠤᠯᠤᠠ ᠰᠢᠯᠢᠳᠡᠭᠵᠢᠬᠦᠯᠵᠦ᠂ ᠵᠢᠯ ᠤᠨ ᠲᠤᠳᠤᠷ᠎ᠠ 2 ᠲᠦᠮᠡᠨ ᠦᠨᠢᠶᠠᠨ ᠳᠤ ᠢᠴᠡᠬᠡᠯ ᠦᠷ᠎ᠠ ᠶᠢᠨ ᠬᠡᠬᠡᠯᠳᠤᠬᠦᠯᠬᠡ ᠬᠢᠵᠤ᠂ 2000 ᠰᠢᠮᠧᠨ᠋ᠲ᠋ᠠᠷ ᠡᠬᠦᠯᠳᠡᠷ ᠎ ᠤᠨ ᠪᠤᠬ᠎ᠠ ᠦᠷᠡᠵᠢᠬᠦᠯᠵᠤ ᠪᠤᠶᠢᠵᠢᠭᠤᠯᠤᠨ᠂ ᠴᠠᠪᠠᠷ ᠡᠬᠦᠯᠳᠡᠷ ᠤᠨ ᠰᠢᠮᠧᠨ᠋ᠲ᠋ᠠᠷ 5000᠎ ᠶᠢ ᠭᠠᠳᠠᠭᠠᠳᠦ ᠠᠴᠠ ᠤᠷᠤᠭᠤᠯᠤᠨ᠎ᠠ︔ 1.2 ᠲᠦᠮᠡᠨ ᠬᠤᠨᠢᠨ ᠳᠤ ᠭᠠᠷ ᠬᠡᠬᠡᠯᠳᠤᠬᠦᠯᠬᠡ ᠬᠢᠵᠤ᠂ 4500 ᠬᠤᠴᠠ ᠶᠢ ᠰᠢᠭᠰᠢᠨ ᠪᠠᠶᠢᠴᠠᠭᠠᠵᠤ᠂ ᠰᠢᠨ᠎ᠠ ᠪᠠᠷ ᠬᠤᠴᠠᠨ ᠤ  ᠰᠠᠭᠤᠷᠢᠨ ᠭᠠᠵᠡᠷ 1᠎ ᠶᠢ ᠪᠠᠶᠢᠭᠤᠯᠤᠨ᠎ᠠ᠃ ᠮᠠᠯ ᠠᠵᠦ ᠠᠬᠤᠢ ᠶᠢᠨ ᠠᠵᠦ ᠦᠢᠯᠡᠰᠵᠢᠭᠰᠡᠨ ᠬᠦᠭᠵᠢᠯᠳᠡ ᠶᠢ ᠠᠬᠢᠭᠤᠯᠤᠨ᠂ ᠵᠢᠯ ᠤᠨ ᠲᠤᠳᠤᠷ᠎ᠠ ᠮᠤ᠋ ᠸᠠᠩ ᠪᠦᠯᠦᠭᠯᠡᠯ᠂ ᠨᠤᠮᠢᠨ ᠲᠡᠯᠡᠭᠡᠢ ᠺᠤᠮᠫᠠᠨᠢ ᠶᠢᠨ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠢ ᠠᠰᠢᠭᠯᠠᠯᠳᠠ ᠳᠤ ᠤᠷᠤᠭᠤᠯᠵᠦ᠂ ᠮᠠᠯ ᠤᠨ ᠠᠰᠢᠭ ᠰᠢᠮ᠎ᠡ ᠶᠢᠨ ᠴᠢᠨᠠᠷ ᠴᠢᠨᠰᠠᠭ᠎ᠠ ᠶᠢ ᠬᠢᠨᠠᠨ ᠰᠢᠯᠭᠠᠬᠤ ᠲᠦᠪ ᠤᠨ ᠪᠠᠶᠢᠭᠤᠯᠤᠯᠳᠠ ᠶᠢ ᠡᠬᠢᠯᠡᠬᠦᠯᠵᠦ᠂ 10 ᠲᠦᠮᠡᠨ ᠬᠤᠷᠠᠭᠠᠨ ᠳᠤ ᠮᠦᠷᠳᠡᠯᠳᠡ ᠰᠢᠰᠲ᠋ᠧᠮ ᠤᠨ ᠡᠭᠡᠮᠦᠭ ᠵᠡᠬᠦᠯᠭᠡᠨ᠎ᠡ︔ ᠡᠯ᠎ᠠ ᠲᠦᠷᠥᠯ ᠎ ᠤᠨ ᠮᠠᠯᠵᠢᠯ ᠤᠨ ᠲᠤᠰᠬᠠᠶᠢᠵᠢᠭᠰᠡᠨ ᠡᠷᠤᠬᠡ 200 ᠪᠠᠶᠢᠭᠤᠯᠵᠣ᠂ ︽ᠭᠤᠷᠪᠡ ᠬᠤᠯᠪᠤᠭᠠᠯᠭᠰᠠᠨ︾ ᠡᠵᠡᠩᠨᠡᠯᠳᠡ ᠎ ᠶᠢᠨ ᠡᠷᠤᠬᠡ 100᠎ ᠶᠢ ᠪᠠᠶᠢᠭᠤᠯᠵᠤ᠂ ᠮᠠᠯᠴᠢᠳ ᠤᠨ ᠬᠤᠷᠰᠢᠶᠡᠵᠢᠯ 10᠎ ᠶᠢ ᠲᠦᠷᠢᠮᠵᠢᠬᠦᠯᠦᠨ᠂ ᠰᠢᠨ᠎ᠡ ᠪᠠᠷ 35 ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠤᠮᠤ ᠬᠡᠯᠪᠡᠷᠢ ᠶᠢᠨ ᠪᠠᠷᠢᠮᠵᠢᠶᠠᠵᠢᠭᠰᠡᠨ ᠮᠠᠯᠵᠢᠯ ᠤᠨ ᠲᠠᠯᠠᠪᠠᠢ 1᠎ ᠶᠢ ᠪᠠᠶᠢᠭᠤᠯᠤᠨ᠎ᠠ︔ ᠪᠦᠬᠦ ᠵᠢᠯ ᠳᠤ 95 ᠲᠦᠮᠨ ᠠᠴᠠ ᠲᠡᠬᠡᠭᠰᠢ ᠲᠦᠯ ᠲᠤᠰᠤᠨ᠂ 2 ᠲᠦᠮᠡᠨ ᠦᠬᠡᠷ ᠢ ᠪᠤᠷᠳᠤᠨ ᠲᠠᠷᠭᠤᠯᠠᠭᠤᠯᠵᠤ᠂ 24 ᠲᠦᠮᠡᠨ ᠬᠤᠷᠠᠭ᠎ᠠ ᠳᠤ ᠲᠡᠵᠢᠬᠡᠯ ᠨᠦᠬᠦᠪᠤᠷᠢᠯᠡᠨ᠎ᠠ︔ 140 ᠲᠤᠨ ᠴᠠᠭᠠᠨ ᠢᠳᠡᠭᠡ᠂ 290 ᠲᠤᠨ ᠴᠡᠭᠡ ᠪᠤᠷᠤᠯᠠᠭᠤᠯᠤᠨ᠎ᠠ︔  ᠮᠠᠯ ᠠᠵᠤ ᠠᠬᠤᠢ ᠶᠢᠨ ᠭᠠᠮᠰᠢᠭ ᠢ ᠰᠡᠷᠬᠡᠶᠢᠯᠡᠬᠦ ᠭᠠᠮᠰᠢᠭ ᠢ ᠲᠠᠭᠠᠭᠠᠬᠤ ᠴᠢᠳᠠᠪᠤᠷᠢ ᠶᠢ ᠤᠯᠠᠮ ᠲᠡᠬᠡᠭᠰᠢᠯᠡᠬᠦᠯᠤᠨ᠂ 6.2 ᠲᠦᠮᠡᠨ ᠲᠡᠭᠰᠢ ᠲᠦᠷᠪᠡᠯᠵᠢᠨ ᠮᠧᠲᠷ ᠤᠨ ᠲᠤᠯᠠᠭᠠᠨ ᠫᠸᠡᠭ᠂ 0.6 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠤ ᠬᠠᠳᠠᠭᠠᠯᠠᠬᠤ ᠫᠸᠡᠭ ᠪᠠᠶᠢᠭᠤᠯᠵᠤ᠂ 100 ᠢᠵᠢ ᠮᠠᠯ ᠠᠵᠤ ᠠᠬᠤᠢ ᠶᠢᠨ ᠮᠠᠰᠢᠨ ᠮᠧᠬᠠᠨᠢᠭ ᠢ ᠲᠠᠷᠬᠠᠭᠠᠨ᠎ᠠ᠃ ᠨᠠᠷᠡᠳᠤ ᠲᠡᠮᠳᠡᠭᠳᠤ ᠲᠠᠸᠡᠷ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠤᠨ᠂ ︽ᠰᠢᠯᠢ ᠶᠢᠨ ᠭᠤᠤᠯ ᠤᠨ ᠬᠤᠨᠢᠨ ᠮᠢᠬ᠎ᠠ︾᠎ ᠶᠢ ᠲᠤᠮᠳᠠᠳᠤ ᠤᠯᠤᠰ ᠤᠨ ᠨᠠᠷᠡᠳᠤ ᠲᠠᠸᠡᠷ ᠤᠨ ᠲᠡᠮᠳᠡᠭ ᠪᠤᠯᠭᠠᠬᠤ ᠲᠠᠢ ᠤᠶᠠᠯᠳᠤᠭᠤᠯᠤᠨ᠂ ᠠᠪᠠᠭ᠎ᠠ ᠬᠠᠷ᠎ᠠ ᠠᠳᠤᠭᠤ᠂ ᠠᠪᠠᠭ᠎ᠠ ᠴᠡᠭᠡ᠂ ᠤᠷᠢᠶᠠᠩᠬᠠᠢ ᠬᠤᠨᠢ ᠪᠠᠷ ᠭᠤᠤᠯᠳᠠᠯᠭ᠎ᠠ ᠪᠤᠯᠭᠠᠨ᠂ ᠨᠠᠷᠡᠳᠤ ᠲᠡᠮᠳᠡᠭᠳᠤ ᠲᠠᠸᠡᠷ ᠢ ᠲᠡᠯᠭᠡᠷᠡᠬᠦᠯᠬᠦ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠠᠪᠠᠭ᠎ᠠ ᠶᠢᠨ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠨᠠᠷ᠎ᠠ ᠠᠯᠳᠠᠷᠰᠢᠯ ᠪᠠ ᠨᠦᠯᠤᠬᠡ ᠲᠤᠰᠬᠠᠯ ᠢ ᠲᠠᠰᠤᠷᠠᠯᠳᠠ ᠦᠬᠡᠢ ᠲᠡᠬᠡᠭᠰᠢᠯᠡᠬᠦᠯᠵᠤ᠂ ᠰᠢᠯᠢᠳᠡᠭ ᠴᠢᠨᠠᠷ ᠴᠢᠡᠰᠠᠭ᠎ᠠ᠂ ᠦᠡᠳᠤᠷ ᠦᠨ᠎ᠠ ᠬᠠᠩᠰᠢ ᠲᠠᠢ ᠪᠤᠯᠭᠠᠬᠤ ᠪᠠᠷ ᠴᠢᠷᠮᠠᠶᠢᠨ᠂ ᠵᠠᠬ᠎ᠠ ᠲᠡᠯᠬᠡᠬᠦᠷ ᠤᠨ ᠭᠤᠤᠯ ᠪᠤᠯᠬᠤ ᠦᠷᠢᠰᠤᠯᠳᠤᠬᠦ ᠬᠦᠴᠤᠨ ᠢ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃     ︵ᠬᠤᠶᠡᠷ︶ ᠠᠵᠤ ᠦᠢᠯᠡᠳᠪᠤᠷᠢ ᠶᠢᠨ ᠡᠷᠴᠢᠮᠵᠢᠭᠰᠡᠨ ᠴᠢᠨᠠᠷᠯᠢᠭ ᠬᠦᠭᠵᠢᠯᠳᠠ ᠶᠢ ᠠᠬᠢᠭᠤᠯᠤᠨ᠎ᠠ᠃ ᠪᠢᠳᠠ ︽ᠲᠦᠪᠯᠡᠷᠡᠬᠦᠯᠤᠨ ᠡᠷᠴᠢᠮᠵᠢᠬᠦᠯᠬᠦ᠂ ᠪᠤᠬᠢᠷᠳᠤᠯ ᠦᠬᠡᠢ᠂ ᠰᠢᠨ᠎ᠠ ᠶᠢ ᠡᠬᠦᠳᠴᠤ ᠬᠡᠯᠪᠡᠷᠢ ᠪᠠᠨ ᠬᠤᠪᠢᠷᠠᠭᠤᠯᠬᠤ︾ ᠵᠠᠷᠴᠢᠮ ᠢ ᠪᠠᠷᠢᠮᠳᠠᠯᠠᠨ᠂ ᠪᠤᠳᠠᠳᠠᠢ ᠲᠠᠢ ᠪᠠᠨ ᠤᠶᠠᠯᠳᠤᠭᠤᠯᠤᠨ᠂ ᠪᠦᠬᠦ ᠬᠤᠰᠢᠭᠤ ᠪᠠᠨ ᠭᠤᠷᠪᠡᠨ ᠶᠡᠭᠡ ᠤᠷᠤᠨ ᠪᠦᠰᠠ ᠬᠤᠪᠢᠶᠠᠨ᠂ ᠡᠮᠤᠨ᠎ᠠ ᠬᠡᠰᠡᠭ ᠲᠤ ᠴᠠᠭᠠᠠᠨᠠᠭᠤᠷ ᠤᠷᠴᠢᠯᠳᠠᠳᠤ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠢ ᠪᠠᠶᠢᠭᠤᠯᠵᠤ᠂ ᠲᠤᠮᠳᠠ ᠬᠡᠰᠡᠭ ᠲᠤ ᠲᠤᠮᠳᠠ ᠪᠠᠭ᠎ᠠ ᠠᠵᠤ ᠠᠬᠤᠶᠢᠯᠡᠯ ᠤᠨ ᠲᠤᠭᠤᠷᠢᠭ ᠢ ᠲᠦᠪᠯᠡᠷᠡᠬᠦᠯᠤᠨ ᠪᠠᠶᠢᠭᠤᠯᠵᠤ᠂ ᠤᠮᠠᠷᠡᠳᠤ ᠬᠡᠰᠡᠭ ᠲᠤ ᠦᠩᠬᠡᠳᠤ ᠲᠠᠮᠦᠷᠯᠢᠭ ᠢ ᠰᠢᠯᠢᠨ ᠪᠤᠯᠪᠠᠰᠤᠷᠠᠭᠤᠯᠵᠤ᠂ ᠡᠬᠢ ᠪᠠᠶᠠᠯᠢᠭ ᠢ ᠶᠠᠷᠤᠩᠬᠡᠶᠢᠯᠡᠨ ᠠᠰᠢᠭᠯᠠᠬᠤ ᠬᠢᠷᠢ ᠲᠦᠪᠰᠢᠨ ᠢ ᠴᠢᠷᠮᠠᠶᠢᠨ ᠲᠡᠬᠡᠭᠰᠢᠯᠡᠬᠦᠯᠤᠨ᠎ᠠ᠃ ᠭᠤᠤᠯᠳᠠᠯᠭ᠎ᠠ ᠲᠠᠢ ᠠᠵᠦ ᠦᠢᠯᠡᠳᠪᠤᠷᠢ ᠶᠢᠨ ᠲᠦᠷᠦᠯ ᠵᠦᠢᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠴᠠᠭᠠᠠᠨᠠᠭᠤᠷ 2×66 ᠲᠦᠮᠡᠨ ᠺᠢᠯᠤᠸᠠᠲ ᠤᠨ ᠨᠡᠬᠦᠷᠡᠰᠦ ᠴᠠᠬᠢᠯᠭᠠᠨ ᠤ ᠲᠦᠷᠥᠯ ᠵᠥᠢᠯ ᠢ 3 ᠰᠠᠷ᠎ᠠ ᠶᠢᠨ ᠡᠬᠢ ᠪᠠᠷ ᠪᠠᠷᠢᠯᠭ᠎ᠠ ᠡᠬᠢᠯᠡᠬᠦᠯᠦᠨ᠂ ᠢᠵᠢ ᠪᠦᠷᠢᠳᠦᠭᠰᠡᠨ ᠨᠡᠬᠦᠷᠡᠰᠤᠨ ᠠᠭᠤᠷᠬᠠᠢ ᠶᠢᠨ ᠲᠦᠷᠥᠯ ᠵᠥᠢᠯ ᠢ ᠵᠢᠯ ᠤᠨ ᠲᠤᠳᠤᠷ᠎ᠠ ᠬᠢᠨᠡᠨ ᠵᠦᠪᠰᠢᠶᠠᠷᠡᠬᠦᠯᠤᠨ᠎ᠠ︔ ᠭᠠᠨᠭ᠌ ᠴᠸᠡᠭ ᠤᠨ ᠴᠠᠬᠢᠯᠭᠠᠨ ᠬᠦᠴᠤᠨ ᠤ ᠬᠦᠢᠳᠡᠡᠰᠢᠯᠢ ᠶᠢᠨ ᠰᠠᠯᠬᠢᠨ ᠴᠠᠬᠢᠯᠭᠠᠨ ᠤ ᠲᠦᠷᠥᠯ ᠵᠥᠢᠯ ᠢ 10 ᠰᠠᠷ᠎ᠠ ᠳᠤ ᠴᠠᠬᠢᠯᠭᠠᠨ ᠲᠤᠤᠷ ᠲᠤ ᠨᠠᠪᠳᠠᠷᠠᠬᠦᠯᠤᠨ ᠴᠠᠬᠢᠯᠭᠠᠨ ᠭᠠᠷᠭᠠᠵᠤ᠂ ᠳ᠋ᠠ ᠲᠠᠩ ᠤᠨ ᠵᠢᠷᠭᠤᠳᠤᠭᠠᠷ ᠬᠤᠭᠤᠴᠠᠭ᠎ᠠ ᠶᠢᠨ ᠰᠠᠯᠬᠢᠨ ᠴᠠᠬᠢᠯᠭᠠᠨ ᠢ ᠵᠢᠯ ᠤᠨ ᠲᠤᠳᠤᠷ᠎ᠠ ᠪᠠᠷᠢᠯᠭ᠎ᠠ ᠡᠬᠢᠯᠡᠬᠦᠯᠦᠨ᠂ ᠯᠦᠡᠭ ᠶᠤᠸᠠᠨ ᠲᠠᠷᠬᠠᠯᠳᠠ ᠬᠡᠯᠪᠡᠷᠢ ᠶᠢᠨ ᠰᠠᠯᠬᠢᠨ ᠴᠠᠬᠢᠯᠭᠠᠨ ᠤ ᠵᠢᠱᠢᠶ᠎ᠠ ᠦᠵᠡᠬᠦᠯᠬᠦ ᠲᠦᠷᠥᠯ ᠵᠥᠢᠯ ᠢ 5 ᠰᠠᠷ᠎ᠠ ᠳᠤ ᠪᠠᠷᠢᠯᠭ᠎ᠠ ᠡᠬᠢᠯᠡᠬᠦᠯᠵᠤ᠂ ᠰᠢᠨ ᠨᠸᠡᠭ ᠲᠠᠷᠬᠠᠯᠳᠠ ᠬᠡᠯᠪᠡᠷᠢ ᠶᠢᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠥᠯ ᠵᠥᠢᠯ ᠢ ᠵᠢᠯ ᠤᠨ ᠲᠤᠳᠤᠷ᠎ᠠ ᠴᠠᠬᠢᠯᠭᠠᠨ ᠲᠤᠤᠷ ᠲᠤ ᠨᠠᠪᠳᠠᠷᠠᠬᠦᠯᠤᠨ ᠴᠠᠬᠢᠯᠭᠠᠨ ᠭᠠᠷᠭᠠᠨ᠎ᠠ᠃ ᠭᠤᠷᠴᠢ ᠶᠢᠨ ᠤᠯᠠᠨ ᠵᠦᠢᠯ ᠤᠨ ᠲᠠᠮᠦᠷᠯᠢᠭ ᠤᠨ ᠬᠦᠳᠡᠷ ᠰᠢᠯᠢᠬᠦ ᠲᠦᠷᠥᠯ ᠵᠥᠢᠯ ᠢ ᠵᠢᠯ ᠤᠨ ᠲᠤᠳᠤᠷ᠎ᠠ ᠬᠢᠨᠡᠨ ᠵᠦᠪᠰᠢᠶᠠᠷᠡᠬᠦᠯᠬᠦ ᠶᠢᠨ ᠬᠠᠮᠳᠤ ᠪᠦᠳᠤᠬᠡᠨ ᠪᠠᠶᠢᠭᠤᠯᠵᠤ᠂ ᠳ᠋ᠠ ᠠᠠ ᠨᠡᠬᠦᠷᠡᠰᠤᠨ ᠠᠭᠤᠷᠬᠠᠢ ᠶᠢᠨ ᠲᠦᠷᠥᠯ ᠵᠥᠢᠯ ᠢ ᠵᠢᠯ ᠤᠨ ᠲᠤᠳᠤᠷ᠎ᠠ ᠬᠢᠨᠡᠨ ᠵᠦᠪᠰᠢᠶᠠᠷᠡᠬᠦᠯᠬᠦ ᠶᠢᠨ ᠬᠠᠮᠳᠤ ᠠᠰᠢᠭᠯᠠᠯᠳᠠ ᠳᠤ ᠤᠷᠤᠭᠤᠯᠤᠨ᠎ᠠ︔ ᠡᠷᠢᠶᠠᠨ ᠬᠤᠳᠠ ᠶᠢᠨ ᠪᠢᠴᠢᠯ ᠴᠠᠬᠢᠯᠭᠠᠨ ᠲᠤᠤᠷ ᠤᠨ ᠠᠪᠠᠭ᠎ᠠ ᠬᠤᠰᠢᠭᠤ ᠳᠠᠬᠢ ᠲᠦᠷᠥᠯ ᠵᠥᠢᠯ ᠢ ᠪᠠᠷᠢᠯᠭ᠎ᠠ ᠡᠬᠢᠯᠡᠬᠦᠯᠵᠤ᠂ ᠲᠤᠮᠳᠠᠳᠤ ᠤᠯᠤᠰ ᠎ ᠤᠨ ᠡᠨᠧᠷᠬᠢ ᠶᠢᠨ ᠪᠦᠳᠤᠬᠡᠨ ᠪᠠᠶᠢᠭᠤᠯᠤᠯᠳᠠ ᠶᠢᠨ ᠪᠦᠯᠦᠭᠯᠡᠯ ᠤᠨ ᠨᠠᠷᠡ ᠰᠠᠯᠬᠢᠨ ᠡᠨᠧᠷᠬᠢ ᠶᠢ ᠬᠠᠷᠢᠯᠴᠠᠨ ᠨᠦᠬᠦᠪᠤᠷᠢᠯᠡᠬᠦ᠂ ᠨᠡᠬᠦᠷᠡᠰᠤᠨ ᠠᠴᠠ ᠤᠰᠤ ᠢᠯᠭᠠᠷᠠᠭᠤᠯᠬᠤ᠂ ᠲᠡᠬᠡᠳᠤ ᠬᠡᠮᠵᠢᠶ᠎ᠠ ᠪᠠᠷ ᠤᠰᠤ ᠠᠷᠪᠢᠯᠠᠬᠤ ᠵᠢᠱᠢᠶ᠎ᠠ ᠦᠵᠡᠬᠦᠯᠬᠦ ᠲᠦᠷᠥᠯ ᠵᠥᠢᠯ ᠤᠨ ᠠᠵᠢᠯ ᠤᠨ ᠠᠬᠢᠴᠠ ᠶᠢ ᠲᠦᠷᠭᠡᠳᠭᠡᠨ᠎ᠡ᠃ ᠬᠦᠸᠧ ᠺᠠᠢ᠂ ᠱᠧᠨ ᠨᠸᠡᠭ᠂ ᠵᠦᠡᠭ ᠱᠸᠡᠭ᠂ ᠲᠤᠮᠳᠠᠳᠤ ᠤᠯᠤᠰ ᠤᠨ ᠡᠯᠧᠺᠲᠷᠤᠨ ᠰᠢᠡᠵᠢᠯᠡᠭᠡ ᠮᠡᠷᠬᠡᠵᠢᠯ ᠤᠨ ᠺᠤᠮᠫᠠᠨᠢ ᠵᠡᠷᠬᠡ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ 4 ᠲᠦᠷᠥᠯ ᠵᠥᠢᠯ᠂ ᠬᠤᠸᠠ ᠳ᠋ᠢᠶᠠᠨ᠂ ᠵᠦᠡᠭ ᠭᠤᠸᠠᠩ ᠾᠧ ᠶᠢᠨ ᠬᠤᠶᠠᠳᠤᠭᠠᠷ ᠬᠤᠭᠤᠴᠠᠭ᠎ᠠ᠂ ᠯᠦᠡᠭ ᠶᠤᠸᠠᠨ ᠤ ᠬᠤᠶᠠᠳᠤᠭᠠᠷ ᠬᠤᠭᠤᠴᠠᠭ᠎ᠠ ᠶᠢᠨ ᠰᠠᠯᠬᠢᠨ ᠴᠠᠬᠢᠯᠭᠠᠨ ᠤ 3 ᠲᠦᠷᠥᠯ ᠵᠥᠢᠯ ᠢ ᠬᠢᠨᠡᠨ ᠵᠦᠪᠰᠢᠶᠠᠷᠡᠬᠦᠯᠬᠦ ᠭᠠᠷ ᠬᠦᠢᠴᠡᠳᠬᠡᠯ ᠢ ᠪᠠᠶᠠᠯᠠᠬᠦᠯᠤᠨ᠎ᠠ᠃ ᠠᠵᠤ ᠦᠢᠯᠡᠰ ᠤᠨ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠲᠦᠷᠬᠡᠳᠬᠡᠨ᠂ ᠴᠠᠭᠠᠠᠨᠠᠭᠤᠷ ᠤᠷᠴᠢᠯᠳᠠᠳᠤ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠎ ᠤᠨ ᠡᠵᠡᠮᠳᠠᠯ ᠤᠨ ᠴᠢᠨᠠᠷᠳᠡᠢ ᠨᠠᠷᠢᠨ ᠲᠦᠯᠤᠪᠵᠢᠬᠦᠯᠬᠡ᠂ ᠤᠷᠴᠢᠨ ᠲᠤᠭᠤᠷᠢᠨ ᠢ ᠬᠢᠨᠡᠨ ᠦᠨᠡᠯᠡᠬᠦ ᠵᠢᠴᠢ ᠤᠰᠤᠨ ᠰᠤᠷᠪᠤᠯᠵᠢ ᠶᠢ ᠬᠢᠨᠡᠨ ᠨᠤᠳᠠᠯᠠᠬᠤ ᠵᠠᠷᠬᠡ ᠠᠵᠢᠯ ᠲᠦᠷᠥᠯ ᠢ  ᠪᠠᠶᠠᠯᠠᠬᠦᠯᠵᠤ᠂ ᠲᠤᠮᠳᠠ ᠪᠠᠭ᠎ᠠ ᠠᠵᠤ ᠠᠬᠤᠶᠢᠯᠡᠯ ᠤᠨ ᠲᠤᠭᠤᠷᠢᠭ ᠤᠨ ᠰᠠᠭᠤᠷᠢ ᠲᠦᠬᠦᠬᠡᠷᠤᠮᠵᠢ ᠶᠢ ᠤᠯᠠᠮ ᠲᠡᠬᠦᠯᠳᠡᠷᠵᠢᠬᠦᠯᠵᠦ᠂ ᠬᠡᠷ᠎ᠠ ᠲᠤᠭᠳᠠᠭᠰᠡᠨ ᠠᠵᠤ ᠠᠬᠤᠶᠢᠯᠡᠯ ᠢ ᠤᠷᠤᠨ ᠲᠤᠭᠤᠷᠢᠭ ᠲᠤ ᠰᠠᠭᠤᠷᠢᠰᠢᠭᠤᠯᠤᠨ᠎ᠠ᠃ ᠠᠵᠤ ᠠᠬᠤᠶᠢᠯᠡᠯ ᠤᠨ ᠦᠢᠯᠡᠳᠪᠦᠷᠢᠯᠡᠯ ᠤᠨ ᠲᠤᠬᠢᠷᠠᠭᠤᠯᠤᠯᠳᠠ ᠶᠢ ᠴᠢᠩᠭᠠᠳᠬᠠᠨ᠂ ᠵᠠᠰᠠᠭ ᠤᠨ ᠤᠷᠳᠤᠨ ᠤ ᠠᠵᠢᠯ ᠤᠨ ᠪᠦᠳᠦᠮᠵᠢ ᠶᠢ ᠬᠢᠨᠠᠨ ᠪᠠᠶᠢᠴᠠᠭᠠᠵᠦ ᠬᠢᠨᠠᠨ ᠰᠢᠯᠭᠠᠬᠤ ᠠᠷᠭ᠎ᠠ ᠎ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠤᠳᠤᠷᠢᠳᠬᠤ ᠺᠠᠳ᠋ᠷ ᠠᠵᠤ ᠠᠬᠤᠶᠢᠯᠡᠯ ᠲᠠᠢ ᠬᠠᠷᠢᠴᠠᠵᠤ ᠲᠠᠮᠵᠢᠬᠦ ᠠᠵᠢᠯ ᠤᠨ ᠲᠦᠷᠢᠮ ᠢ ᠢᠳᠡᠪᠬᠢᠳᠡᠢ ᠲᠦᠯᠬᠢᠨ ᠠᠬᠢᠭᠤᠯᠵᠤ᠂ ᠭᠤᠤᠯᠳᠠᠯᠭᠠᠳᠤ ᠠᠵᠤ ᠠᠬᠤᠶᠢᠯᠡᠯ ᠳᠤ ᠦᠢᠯᠡᠴᠢᠯᠡᠬᠦ ᠠᠵᠢᠯᠯᠠᠭ᠎ᠠ ᠶᠢ ᠬᠦᠡᠵᠡᠬᠡᠢ ᠦᠷᠨᠢᠬᠦᠯᠵᠤ᠂ ᠬᠠᠳᠠᠳᠤ ᠴᠠᠶᠢᠷ ᠲᠤᠭᠤᠯᠭ᠎ᠠ ᠶᠢᠨ ᠠᠭᠤᠷᠬᠠᠢ᠂ ᠶᠢᠨ ᠳ᠋ᠢ ᠠᠭᠤᠷᠬᠠᠢ ᠶᠢᠨ ᠦᠢᠯᠡᠰ ᠤᠨ ᠮᠡᠷᠬᠡᠵᠢᠯ ᠤᠨ ᠦᠬᠡᠷᠡᠴᠢᠯᠡᠯᠳᠡ᠂ ᠦᠷᠬᠡᠳᠬᠡᠨ ᠪᠠᠶᠢᠭᠤᠯᠤᠯᠳᠠ ᠶᠢ ᠪᠠᠶᠠᠯᠠᠬᠦᠯᠤᠨ᠂ ᠦᠢᠯᠡᠳᠪᠤᠷᠢᠯᠡᠯ ᠡᠬᠢᠯᠡᠬᠦᠯᠵᠤ᠂ ᠵᠢᠢ ᠳ᠋ᠦᠡᠭ ᠱᠦᠢᠨᠢ ᠶᠢᠨ ᠵᠠᠬ᠎ᠠ ᠲᠡᠯᠬᠡᠬᠦᠷ ᠢ ᠨᠢ ᠦᠷᠭᠡᠳᠭᠡᠨ᠂ ᠠᠵᠤ ᠦᠢᠯᠡᠰ ᠤᠨ ᠰᠠᠯᠬᠢᠨ ᠴᠠᠬᠢᠯᠭᠠᠨ ᠤ ᠠᠵᠣ ᠠᠬᠤᠶᠢᠯᠠᠯ ᠤᠨ ᠴᠠᠬᠢᠯᠭᠠᠨ ᠢᠶᠠᠨ ᠭᠠᠳᠠᠭᠰᠢ ᠬᠦᠷᠬᠡᠬᠦ ᠳᠤ ᠲᠦᠪᠡᠭᠳᠡᠢ ᠠᠰᠠᠭᠤᠳᠠᠯ ᠢ ᠵᠤᠬᠢᠴᠠᠭᠤᠯᠤᠨ ᠰᠢᠢᠳᠪᠤᠷᠢᠯᠡᠵᠤ᠂ ᠠᠵᠤ ᠦᠢᠯᠡᠰ ᠤᠨ ᠲᠠᠭᠠᠭᠠᠴᠠ ᠶᠢᠨ ᠬᠡᠪᠴᠢᠶᠠᠨ ᠳᠡᠭᠡᠨ ᠦᠢᠯᠡᠳᠪᠤᠷᠢᠯᠡᠬᠦ ᠶᠢ ᠪᠠᠳᠤᠯᠠᠨ᠎ᠠ᠃ ᠡᠬᠦᠨ ᠠᠴᠠ ᠭᠠᠳᠠᠨ᠎ᠠ᠂ ᠭᠠᠵᠠᠷ ᠰᠢᠨᠵᠢᠯᠡᠭᠡᠨ ᠤ ᠬᠠᠶᠢᠨ ᠰᠢᠡᠵᠢᠯᠡᠯᠳᠡ ᠶᠢᠨ ᠡᠷᠴᠢᠮ ᠢᠶᠠᠨ ᠴᠢᠩᠭᠠᠷᠠᠭᠤᠯᠤᠨ᠂ ᠵᠢᠯ ᠤᠨ ᠲᠤᠳᠤᠷ᠎ᠠ 8000 ᠲᠦᠮᠡᠨ ᠲᠦᠬᠦᠷᠢᠭ ᠤᠨ ᠪᠡᠯᠡ ᠤᠷᠤᠭᠤᠯᠬᠤ ᠪᠠᠷ ᠴᠢᠷᠮᠠᠶᠢᠨ᠎ᠠ᠃     ︵ᠭᠤᠷᠪᠡ︶ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ ᠲᠦᠷᠦ ᠶᠢᠨ ᠪᠤᠳᠤᠯᠭ᠎ᠠ ᠶᠢᠨ ᠲᠠᠮᠵᠢᠯᠭᠡ ᠶᠢ ᠴᠢᠷᠮᠠᠶᠢᠨ ᠪᠦᠷᠢᠨᠰᠢᠬᠦᠯᠵᠦ᠂ ᠦᠢᠯᠡᠴᠢᠯᠡᠭᠡᠨ ᠤ ᠦᠢᠯᠡᠰ ᠢ ᠲᠠᠰ ᠲᠡᠪᠰᠢᠬᠦᠯᠦᠨ᠎ᠠ᠃ ᠰᠤᠶᠤᠯ ᠵᠤᠭᠠᠴᠠᠯ ᠤᠨ ᠦᠢᠯᠡᠰ ᠤᠨ ᠬᠦᠭᠵᠢᠯᠳᠠ ᠶᠢ ᠠᠬᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠵᠤᠭᠠᠴᠠᠯ ᠤᠨ ᠬᠦᠭᠵᠢᠯᠳᠡ ᠶᠢᠨ ᠲᠦᠯᠦᠪᠵᠢᠬᠦᠯᠭᠡ ᠎ ᠶᠢ ᠨᠠᠶᠢᠷᠠᠭᠤᠯᠤᠨ᠂ ᠬᠤᠩᠭᠤᠷᠭᠤᠤᠯ ᠵᠤᠭᠠᠴᠠᠯ ᠤᠨ ᠦᠵᠡᠮᠵᠢᠳᠦ ᠲᠤᠭᠤᠷᠢᠭ ᠤᠨ 2 ᠵᠤᠴᠢᠯᠠᠬᠤ ᠲᠢᠩᠬᠢᠮ ᠢ ᠠᠰᠢᠭᠯᠠᠯᠳᠠ ᠳᠤ ᠤᠷᠤᠭᠤᠯᠵᠤ᠂ ᠪᠠᠯᠬᠦᠳᠡᠢ ᠵᠢᠰᠠ ᠶᠢᠨ ᠵᠤᠭᠠᠴᠠᠯ ᠦᠵᠡᠮᠵᠢ ᠶᠢᠨ ᠲᠤᠭᠤᠷᠢᠭ ᠢ 3A ᠲᠡᠰ ᠤᠨ ᠦᠵᠡᠮᠵᠢ ᠶᠢᠨ ᠲᠤᠭᠤᠷᠢᠭ ᠤᠨ ᠪᠠᠷᠢᠮᠵᠢᠶ᠎ᠠ ᠳᠤ ᠬᠦᠷᠬᠡᠵᠤ᠂ ︽ᠠᠪᠠᠭ᠎ᠠ ᠬᠠᠷ᠎ᠠ ᠠᠳᠤᠭᠤ᠂ ᠪᠤᠭᠳᠠ ᠠᠭᠤᠯᠠ ᠶᠢᠨ ᠲᠠᠬᠢᠯᠭ᠎ᠠ᠂ ᠠᠪᠠᠭ᠎ᠠ ᠴᠡᠭᠡ᠂ ᠴᠤᠭᠤᠷ ᠲᠠᠭᠤᠤ︾ ᠵᠡᠷᠬᠡ ᠰᠤᠶᠤᠯ ᠵᠤᠭᠠᠴᠠᠯ ᠤᠨ ᠠᠵᠢᠯᠯᠠᠭᠠᠨ ᠤ ᠠᠭᠤᠯᠤᠭᠳᠠᠬᠤᠨ ᠎ ᠢ ᠤᠯᠠᠮ ᠪᠠᠶᠠᠯᠢᠭᠵᠢᠭᠤᠯᠬᠤ᠂ ᠵᠠᠭᠤᠴᠢᠯᠠᠭᠤᠷ ᠤᠨ ᠺᠤᠮᠫᠠᠨᠢ ᠲᠠᠢ ᠢᠳᠡᠪᠬᠢᠳᠡᠢ ᠬᠠᠷᠢᠯᠴᠠᠨ᠂ ᠵᠠᠰᠠᠭ ᠤᠨ ᠤᠷᠳᠤᠨ ᠎ ᠠᠴᠠ ᠲᠡᠮᠵᠢᠬᠦ᠂ ᠠᠵᠣ ᠠᠬᠤᠶᠢᠯᠠᠯ ᠡᠷᠬᠢᠯᠡᠬᠦ ᠠᠷᠭ᠎ᠠ ᠬᠡᠯᠪᠡᠷᠢ ᠪᠠᠷ ᠴᠢᠩᠬᠢᠰ ᠪᠤᠭᠳᠠ ᠠᠭᠤᠯᠠ ᠶᠢᠨ ᠲᠠᠬᠢᠯᠭ᠎ᠠ ᠪᠠ ᠴᠠᠭᠠᠠᠨᠠᠭᠤᠷ ᠤᠨ ᠡᠪᠤᠯ ᠤᠨ ᠵᠢᠭᠠᠰᠤ ᠠᠩᠨᠠᠬᠤ ᠠᠵᠢᠯᠯᠠᠭ᠎ᠠ ᠶᠢ ᠣᠷᠣᠨ ᠨᠣᠳᠤᠭ ᠤᠨ ᠨᠠᠷᠠᠳᠣ ᠲᠡᠮᠳᠡᠭ ᠪᠣᠯᠭᠠᠬᠤ ᠎ ᠪᠠᠷ ᠴᠢᠷᠮᠠᠶᠢᠵᠣ᠂ ᠬᠤᠰᠢᠭᠤᠨ ᠤ ᠪᠠᠨ ᠨᠦᠯᠤᠬᠡ ᠲᠣᠰᠬᠠᠯ ᠢ ᠲᠠᠰᠤᠷᠠᠯᠳᠠ ᠦᠬᠡᠢ ᠦᠷᠬᠡᠳᠬᠡᠨ᠎ᠠ᠃ ᠠᠳᠤᠭᠤᠨ ᠰᠤᠶᠤᠯ ᠤᠨ ᠠᠭᠤᠯᠬᠤᠨ ᠢ ᠬᠦᠡᠵᠡᠬᠡᠢ ᠠᠭᠤᠳᠠᠯᠯᠠᠨ᠂ ︽ᠬᠠᠷ᠎ᠠ ᠠᠳᠤᠭᠤᠨ ᠰᠤᠶᠤᠯ ᠤᠨ ᠨᠠᠶᠢᠷ︾᠎ ᠤᠨ ᠠᠭᠤᠯᠭ᠎ᠠ ᠬᠡᠯᠪᠡᠷᠢ ᠶᠢ ᠤᠯᠠᠮ ᠪᠠᠶᠠᠯᠢᠭᠵᠢᠭᠤᠯᠤᠨ᠎ᠠ᠃ ᠵᠢᠯ ᠤᠨ ᠲᠤᠳᠤᠷ᠎ᠠ ᠵᠤᠭᠠᠴᠠᠭᠰᠡᠳ ᠢ 25 ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ ᠵᠤᠭᠠᠴᠠᠯ ᠤᠨ ᠤᠷᠤᠯᠭ᠎ᠠ ᠶᠢ 1.3 ᠳ᠋ᠦᠩᠰᠢᠭᠤᠷ ᠲᠦᠬᠦᠷᠢᠭ ᠲᠤ ᠬᠦᠷᠬᠡᠨ᠎ᠠ᠃ ᠡᠯᠧᠺᠲᠷᠤᠨ ᠠᠷᠠᠯᠵᠢᠶ᠎ᠠ ᠶᠢ ᠬᠦᠭᠵᠢᠬᠦᠯᠤᠨ᠂ ᠮᠠᠯᠵᠢᠬᠤ ᠤᠷᠤᠨ ᠳᠤ ᠡᠯᠧᠺᠲᠷᠤᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠤ᠂ ᠬᠤᠳᠠ ᠬᠦᠳᠡᠭᠡ ᠶᠢ ᠬᠤᠯᠪᠣᠭᠰᠠᠨ ᠡᠯᠧᠺᠲᠷᠤᠨ ᠠᠷᠠᠯᠵᠢᠶᠠᠨ ᠤ ᠡᠵᠡᠩᠨᠡᠯᠳᠡ ᠶᠢ ᠡᠬᠢᠯᠡᠬᠦᠯᠤᠨ᠎ᠠ᠃ ᠠᠷᠠᠯᠵᠢᠶ᠎ᠠ ᠠᠷᠠᠯᠵᠢᠶᠠᠨ ᠤ ᠪᠤᠳᠠᠰ ᠤᠨ ᠬᠦᠢᠯᠭᠡᠭᠡᠨ ᠤ ᠦᠢᠯᠡᠰ ᠢ ᠢᠳᠡᠪᠬᠢᠳᠠᠢ ᠪᠠᠷ ᠬᠦᠭᠵᠢᠬᠦᠯᠦᠨ᠂ ᠪᠤᠳᠠᠰ ᠤᠨ ᠬᠦᠢᠯᠬᠡᠬᠡᠨ ᠤ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠦᠢᠯᠡᠰ ᠢ ᠬᠦᠭᠵᠢᠬᠦᠯᠵᠦ᠂ ︽ᠵᠠᠰᠠᠭ ᠪᠠᠩᠬᠢ ᠠᠵᠦ ᠠᠬᠤᠶᠢᠯᠠᠯ︾᠎ ᠤᠨ ᠬᠠᠮᠳᠤᠷᠠᠯᠴᠠᠭᠠᠨ ᠤ ᠲᠠᠪᠴᠠᠩ ᠢ ᠪᠠᠶᠢᠭᠤᠯᠵᠤ᠂ ᠲᠠᠭᠠᠳᠬᠠᠯ᠂ ᠢᠳᠡᠭᠡᠮᠵᠢᠳᠦ ᠵᠢᠭᠡᠯᠡᠯᠭᠡ ᠵᠡᠷᠭᠡ ᠮᠦᠩᠬᠦᠨ ᠬᠦᠢᠯᠭᠡᠭᠡᠨ ᠤ ᠦᠢᠯᠡᠴᠢᠯᠡᠭᠡᠨ ᠎ ᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠠᠷᠠᠳ ᠠᠴᠠ ᠡᠷᠬᠢᠯᠡᠭᠰᠡᠨ ᠪᠡᠯᠡ ᠤᠷᠤᠭᠤᠯᠤᠯᠳᠠ ᠶᠢ ᠲᠦᠷᠢᠮᠵᠢᠬᠦᠯᠦᠨ ᠵᠢᠯᠤᠭᠤᠳᠤᠨ᠎ᠠ᠃ ᠡᠬᠦᠨ ᠤ ᠬᠠᠮᠳᠦ ᠰᠡᠯᠡᠬᠦᠴᠠᠯ᠂ ᠡᠷᠡᠬᠦᠯᠵᠢᠯ᠂ ᠪᠠᠶ᠎ᠠ ᠴᠢᠬᠢᠷᠠᠭᠵᠢᠭᠤᠯᠬᠤ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡ ᠶᠢ ᠲᠦᠷᠭᠡᠳᠬᠡᠨ ᠪᠤᠶᠢᠵᠢᠭᠤᠯᠵᠦ᠂ ᠤᠯᠠᠨ ᠠᠵᠦ ᠦᠢᠯᠡᠰ ᠦᠷᠢᠰᠦᠯᠳᠦᠨ ᠬᠦᠭᠵᠢᠭᠰᠡᠨ ᠵᠠᠬ᠎ᠠ ᠲᠡᠯᠭᠡᠬᠦᠷ ᠤᠨ ᠤᠷᠴᠢᠨ ᠢ ᠴᠢᠷᠮᠠᠶᠢᠨ ᠪᠤᠢ ᠪᠤᠯᠭᠠᠨ᠎ᠠ᠃     ︵ᠲᠦᠷᠪᠡ︶ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠨ᠎ᠠ᠃ ᠪᠦᠬᠦ ᠤᠷᠤᠨ ᠤ ᠮᠠᠯᠵᠢᠬᠤ ᠤᠷᠤᠨ᠂ ᠪᠦᠬᠦ ᠠᠶᠢᠮᠠᠭ ᠤᠨ ᠤᠶᠤᠨ ᠤ ᠪᠤᠯᠪᠠᠰᠤᠨ ᠤ ᠲᠤᠬᠠᠢ ᠶᠢᠨ ᠲᠠᠯᠠᠪᠠᠢ ᠶᠢᠨ ᠬᠤᠷᠡᠯ᠂  ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠰᠢᠭᠤ ᠶᠢ ᠴᠤᠭᠴᠠᠯᠠᠬᠤ ᠠᠵᠠ ᠲᠤᠬᠢᠶᠠᠯ ᠢ ᠡᠵᠡᠮᠳᠠᠨ᠂ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠬᠦᠴᠦᠯᠠᠨ ᠰᠠᠶᠢᠵᠢᠷᠠᠭᠤᠯᠵᠦ᠂ ᠬᠦᠭᠵᠢᠯᠳᠡ ᠎ ᠶᠢᠨ ᠰᠠᠭᠤᠷᠢ ᠪᠠᠨ ᠪᠠᠳᠤᠳᠬᠠᠨ᠎ᠠ᠃ ᠡᠯ᠎ᠡ ᠲᠦᠷᠦᠯ ᠤᠨ ᠰᠢᠨᠵᠢᠯᠡᠬᠦ ᠤᠬᠠᠭᠠᠨᠴᠢ ᠲᠦᠯᠤᠪᠵᠢᠬᠦᠯᠬᠡ ᠲᠤᠭᠳᠠᠭᠠᠨ᠂ ᠬᠤᠳᠠ ᠪᠠᠯᠭᠠᠰᠤᠨ ᠤ ᠪᠠᠶᠢᠭᠤᠯᠤᠯᠳᠠ ᠶᠢ ᠠᠬᠢᠭᠤᠯᠤᠨ᠎ᠠ᠃ ︽ᠬᠤᠳᠠ ᠪᠠᠯᠭᠠᠰᠤᠨ ᠤ ᠬᠠᠮᠢᠶᠠᠷᠤᠯᠳᠠ ᠶᠢ ᠲᠡᠭᠡᠭᠰᠢᠯᠡᠬᠦᠯᠬᠦ ᠤᠨ︾᠎ ᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠤ᠂ ᠪᠡᠯᠬᠦᠳᠡᠢ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠨ᠂ ᠵᠢᠯ ᠤᠨ ᠲᠤᠳᠤᠷ᠎ᠠ 7.63 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂1600 ᠡᠷᠤᠬᠡ ᠶᠢᠨ ᠲᠦᠬᠦᠮ ᠪᠦᠳᠦᠴᠡᠳᠦ ᠤᠷᠤᠨ ᠰᠠᠭᠤᠴᠠ ᠶᠢ ᠦᠬᠡᠷᠡᠴᠢᠯᠡᠨ ᠪᠠᠶᠢᠭᠤᠯᠵᠤ᠂ ᠬᠤᠳᠠ ᠪᠠᠯᠭᠠᠰᠤᠨ ᠤ ᠦᠵᠡᠮᠵᠢ ᠶᠢᠨ ᠲᠣᠭᠤᠷᠢᠭ ᠢ ᠭᠤᠸᠠᠵᠢᠭᠤᠯᠬᠤ ᠢᠡᠵᠧᠨᠧᠷᠢᠩ ᠢ ᠡᠬᠢᠯᠡᠬᠦᠯᠦᠨ᠂ ᠪᠡᠯᠬᠦᠳᠡᠢ ᠪᠠᠯᠭᠠᠰᠤᠨ ᠤ ᠤᠰᠤ ᠰᠢᠢᠳᠪᠤᠷᠢᠯᠡᠬᠦ ᠦᠢᠯᠡᠳᠪᠤᠷᠢ ᠶᠢᠨ ᠦᠬᠡᠷᠡᠴᠢᠯᠡᠵᠤ ᠦᠷᠬᠡᠳᠬᠡᠨ ᠪᠠᠶᠢᠭᠤᠯᠬᠤ ᠢᠡᠵᠧᠨᠧᠷᠢᠩ ᠢ ᠪᠠᠶᠠᠯᠠᠬᠦᠯᠵᠤ᠂ ᠠᠪᠠᠭ᠎ᠠ ᠠᠭᠤᠳᠠᠮ ᠲᠠᠯᠠᠪᠠᠢ ᠶᠢ ᠰᠢᠨᠡᠳᠬᠡᠨ ᠵᠠᠰᠠᠵᠤ᠂ ᠰᠢᠨ᠎ᠠ ᠪᠠᠷ 10 ᠵᠤᠷᠪᠤᠰ 12 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠲᠠᠪᠢᠰᠴᠤ᠂ ᠤᠤᠯ ᠤᠨ 3 ᠵᠤᠷᠪᠤᠰ 2.2 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠢ ᠲᠠᠪᠢᠰᠴᠤ ᠲᠠᠭᠤᠰᠬᠠᠨ᠎ᠠ᠃ 11 ᠲᠦᠮᠡᠨ ᠲᠡᠭᠰᠢ ᠲᠦᠷᠪᠡᠯᠵᠢᠨ ᠮᠧᠲᠷ ᠤᠨ ᠭᠠᠨᠳᠢᠭ ᠴᠢᠯᠠᠭᠤᠨ ᠵᠠᠮ ᠢ ᠰᠢᠨ᠎ᠠ ᠪᠠᠷ ᠲᠠᠪᠢᠰᠴᠤ᠂ ᠣᠣᠯ ᠤᠨ 5.78 ᠲᠦᠮᠡᠨ ᠲᠡᠭᠰᠢ ᠲᠦᠷᠪᠡᠯᠵᠢᠨ ᠮᠧᠲᠷ ᠤᠨ ᠭᠠᠨᠳᠢᠭ ᠴᠢᠯᠠᠭᠤᠨ ᠵᠠᠮ ᠢ ᠲᠠᠪᠢᠰᠴᠦ ᠲᠠᠭᠤᠰᠬᠠᠨ᠂ ᠪᠡᠯᠬᠦᠳᠡᠢ ᠰᠤᠶᠤᠯ ᠤᠨ ᠬᠦᠷᠢᠶᠠᠯᠠᠩ ᠲᠤ 2 ᠲᠦᠮᠡᠨ ᠲᠡᠭᠰᠢ ᠲᠦᠷᠪᠡᠯᠵᠢᠨ ᠮᠧᠲᠷ ᠬᠠᠳᠠᠭᠤᠵᠢᠭᠤᠯᠤᠨ᠎ᠠ᠃ ᠪᠠᠯᠭᠠᠰᠤᠨ ᠤ ᠲᠤᠭᠤᠷᠢᠭ ᠵᠢᠴᠢ ᠦᠢᠷ᠎ᠠ ᠬᠠᠪᠢ ᠶᠢᠨ 1332 ᠮᠤ᠋ ᠭᠠᠵᠡᠷ ᠢ ᠦᠢᠵᠢᠭᠤᠯᠵᠤ᠂ 436 ᠢᠵᠢ ᠵᠡᠬᠡᠯᠢ ᠶᠢᠨ ᠳ᠋ᠸᠡᠭ ᠤᠭᠰᠠᠷᠠᠵᠤ᠂ ᠳ᠋ᠸᠡᠭ ᠤᠨ ᠲᠤᠯᠭᠠᠭᠤᠷᠢ ᠪᠠᠭᠠᠨ᠎ᠠ 120᠎ ᠶᠢ ᠵᠠᠰᠠᠨ ᠴᠢᠮᠡᠭᠯᠡᠵᠤ᠂ 960 ᠲᠡᠭᠰᠢ ᠲᠦᠷᠪᠡᠯᠵᠢᠨ ᠮᠧᠲᠷ ᠵᠠᠮ ᠤᠨ ᠲᠡᠮᠳᠡᠭ ᠫᠠᠶᠢᠰᠠ ᠤᠭᠰᠠᠷᠠᠨ᠎ᠠ᠂ ᠰᠢᠨ᠎ᠠ ᠪᠠᠷ 21.2 ᠺᠢᠯᠤᠮᠧᠲᠷ ᠤᠨ ᠲᠦᠬᠡᠬᠡᠯ ᠤᠰᠤ ᠬᠠᠩᠭᠠᠵᠦ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ᠂ 3240 ᠮᠧᠲᠷ ᠤᠨ ᠲᠦᠪᠯᠡᠷᠡᠩᠬᠦᠢ ᠲᠣᠯᠠᠭᠠᠯᠭ᠎ᠠ ᠶᠢᠨ ᠬᠤᠭᠤᠯᠠᠢ ᠶᠢ ᠤᠭᠰᠠᠷᠠᠵᠤ᠂ ᠲᠦᠬᠡᠬᠡᠯ ᠤᠰᠤ ᠬᠠᠩᠭᠠᠬᠤ ᠤᠰᠤᠨ ᠰᠤᠷᠪᠤᠯᠵᠢ ᠶᠢᠨ ᠬᠤᠳᠳᠤᠭ 4᠎ ᠶᠢ ᠪᠠᠶᠢᠭᠤᠯᠤᠨ᠎ᠠ᠃ ᠭᠤᠤᠯᠳᠠᠯᠭ᠎ᠠ ᠲᠠᠢ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ  ᠲᠠᠰᠤᠷᠠᠯᠳᠠ ᠦᠭᠡᠢ ᠲᠦᠷᠬᠡᠳᠬᠡᠨ᠂ ᠦᠨᠤ ᠵᠢᠯ ᠰᠢᠨ᠎ᠠ ᠪᠠᠷ ᠪᠤᠶᠤ ᠦᠷᠬᠦᠯᠵᠢᠯᠡᠨ ᠪᠠᠶᠢᠭᠤᠯᠬᠤ ᠲᠦᠷᠥᠯ ᠵᠥᠢᠯ 63᠎ ᠶᠢ ᠲᠤᠬᠢᠷᠠᠭᠤᠯᠵᠤ᠂ ᠡᠬᠦᠨ ᠳᠤ 21 ᠲᠦᠷᠥᠯ ᠨᠢ ᠤᠰᠤ᠂ ᠴᠠᠬᠢᠯᠭᠠᠨ ᠲᠤᠤᠷ᠂ ᠵᠠᠮ ᠨᠠᠪᠳᠠᠷᠠᠯᠬᠡ᠂ ᠴᠢᠮᠡᠭᠡ ᠬᠤᠯᠪᠤᠭᠠᠨ ᠤ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢᠨ ᠲᠦᠷᠥᠯ ᠵᠥᠢᠯ  ᠪᠠᠶᠢᠵᠦ᠂ ᠶᠠᠷᠤᠩᠬᠡᠢ ᠪᠡᠯᠡ ᠤᠷᠤᠭᠤᠯᠤᠯᠳᠠ ᠶᠢ 6.8 ᠳ᠋ᠦᠩᠰᠢᠭᠤᠷ ᠲᠦᠬᠦᠷᠢᠭ ᠲᠤ ᠬᠦᠷᠬᠡᠵᠤ᠂ ᠭᠤᠤᠯᠳᠠᠯᠭ᠎ᠠ ᠎ ᠲᠠᠢ ᠲᠦᠷᠥᠯ ᠵᠥᠢᠯ ᠤᠨ ᠶᠠᠷᠤᠩᠬᠡᠢ ᠪᠡᠯᠡ ᠤᠷᠤᠭᠤᠯᠤᠯᠳᠠ ᠶᠢᠨ 15.7%᠎ ᠶᠢ ᠡᠵᠡᠯᠡᠨ᠎ᠠ᠃ ᠵᠢᠯ ᠤᠨ ᠲᠤᠳᠤᠷ᠎ᠠ 1.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠴᠠᠭᠠᠠᠨᠠᠭᠤᠷ ᠠᠴᠠ ᠪᠡᠯᠬᠦᠳᠡᠢ ᠪᠠᠯᠭᠠᠰᠤᠨ ᠳᠤ ᠤᠰᠤ ᠲᠠᠳᠠᠬᠤ ᠢᠡᠵᠧᠨᠧᠷᠢᠩ ᠢ ᠡᠬᠢᠯᠡᠬᠦᠯᠵᠤ᠂ ᠪᠠᠶᠠᠡᠴᠠᠭᠠᠨ ᠭᠤᠤᠯ ᠤᠨ ᠵᠠᠰᠠᠯᠳᠠ ᠬᠢᠭᠡᠳ ᠭᠠᠨᠭ᠌ ᠬᠠᠭᠰᠠᠷᠭᠠᠨ ᠢ ᠠᠷᠭᠠᠴᠠᠭᠠᠬᠤ ᠤᠰᠤᠨ ᠰᠤᠷᠪᠤᠯᠵᠢ ᠶᠢᠨ ᠢᠡᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠮᠠᠯᠵᠢᠬᠤ ᠤᠷᠤᠨ ᠤ ᠠᠶᠣᠯᠬᠦᠢ ᠤᠰᠤ ᠤᠮᠳᠠ ᠶᠢᠨ ᠢᠡᠵᠧᠨᠧᠷᠢᠩ ᠢ ᠪᠠᠶᠠᠯᠠᠬᠦᠯᠤᠨ᠎ᠠ᠃ ᠪᠡᠯᠬᠦᠳᠡᠢ ᠪᠠᠯᠭᠠᠰᠤ ᠠᠴᠠ ᠰᠦᠨᠢᠳ ᠵᠡᠬᠦᠨ ᠬᠤᠰᠢᠭᠤ ᠬᠦᠷᠬᠦ 500 ᠺᠢᠯᠤᠸᠤᠯᠲ ᠤᠨ ᠬᠦᠴᠤᠳᠠᠯ ᠬᠤᠪᠢᠰᠬᠠᠬᠤ ᠢᠡᠵᠧᠨᠧᠷᠢᠩ ᠢ ᠪᠠᠷᠢᠯᠭ᠎ᠠ ᠡᠬᠢᠯᠡᠬᠦᠯᠵᠤ᠂ 200 ᠺᠢᠯᠤᠮᠧᠲᠷ ᠤᠨ ᠵᠠᠮ ᠱᠤᠭᠤᠮ᠂ 12 ᠺᠢᠯᠤᠮᠧᠲᠷ ᠤᠨ ᠬᠡᠷᠡᠯᠯᠢᠭ ᠤᠳᠠᠰᠤ᠂ 98 ᠢᠵᠢ ᠬᠦᠴᠤᠳᠠᠯ ᠬᠤᠪᠢᠰᠬᠠᠬᠤ ᠦᠷᠳᠡᠭᠡ ᠶᠢ ᠰᠢᠨ᠎ᠠ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠵᠤ᠂ ᠪᠠᠶᠠᠡᠳᠤᠭ ᠬᠦᠴᠤᠳᠠᠯ ᠬᠤᠪᠢᠰᠬᠠᠬᠤ ᠦᠷᠳᠡᠬᠡᠨ ᠤ ᠢᠡᠵᠧᠨᠧᠷᠢᠩ ᠢ ᠦᠷᠬᠡᠳᠬᠡᠨ ᠪᠠᠶᠢᠭᠤᠯᠤᠨ᠎ᠠ᠃ ᠰᠢᠯᠢ ᠶᠢᠨ ᠬᠤᠳᠠ ᠠᠴᠠ ᠡᠷᠢᠶᠠᠨ ᠬᠤᠳᠠ ᠬᠦᠷᠬᠦ ᠲᠠᠮᠤᠷ ᠵᠠᠮ ᠤᠨ ᠲᠠᠭᠠᠯᠳᠠ ᠲᠤᠨᠤᠭ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠲᠠᠭᠤᠰᠬᠠᠵᠤ᠂ 303 ᠤᠯᠤᠰ ᠤᠨ ᠲᠡᠰ ᠤᠨ ᠵᠠᠮ ᠪᠠ 331 ᠤᠯᠤᠰ ᠤᠨ ᠲᠡᠰ ᠤᠨ ᠵᠠᠮ ᠤᠨ ᠮᠠᠨ ᠤ ᠬᠤᠰᠢᠭᠤᠨ ᠳᠠᠬᠢ ᠬᠡᠰᠡᠭ ᠤᠨ ᠵᠠᠮ ᠤᠨ ᠰᠠᠭᠤᠷᠢ ᠲᠠᠯᠪᠢᠬᠤ ᠢᠡᠵᠧᠨᠧᠷᠢᠩ ᠢ ᠪᠠᠶᠠᠯᠠᠬᠦᠯᠤᠨ᠂ 126.2 ᠺᠢᠯᠤᠮᠧᠲᠷ ᠎ ᠤᠨ ᠭᠠᠴᠠᠭᠠᠨ ᠳᠤ ᠨᠡᠪᠳᠡᠷᠡᠬᠦ ᠴᠡᠷᠳᠠᠮᠠᠯ ᠵᠠᠮ ᠤᠨ ᠪᠠᠶᠢᠭᠤᠯᠤᠯᠳᠠ ᠶᠢ ᠲᠠᠭᠤᠰᠬᠠᠨ᠎ᠠ᠃ ᠪᠦᠬᠦ ᠬᠤᠰᠢᠭᠤᠨ ᠤ 13 ᠤᠷᠤᠨ ᠲᠤᠭᠤᠷᠢᠭ ᠤᠨ ᠴᠠᠭ ᠠᠭᠤᠷ ᠤᠨ ᠦᠷᠳᠡᠬᠡᠨ ᠤ ᠢᠡᠵᠧᠨᠧᠷᠢᠩ ᠢ ᠡᠬᠢᠯᠡᠬᠦᠯᠤᠨ᠂ ᠰᠤᠷᠠᠭ ᠵᠠᠩᠬᠢᠴᠢᠯᠠᠭᠰᠡᠨ ᠪᠦᠳᠤᠬᠡᠨ ᠪᠠᠶᠢᠭᠤᠯᠤᠯᠳᠠ ᠶᠢᠨ ᠢᠡᠵᠧᠨᠧᠷᠢᠩ ᠢ ᠪᠠᠶᠠᠯᠠᠬᠦᠯᠵᠤ᠂ ᠬᠤᠳᠠ ᠬᠦᠳᠡᠭᠡ ᠶᠢᠨ ᠴᠢᠮᠡᠭᠡ ᠬᠤᠯᠪᠤᠭ᠎ᠠ ᠨᠠᠪᠳᠠᠷᠡᠬᠦ ᠴᠢᠨᠠᠷ ᠴᠢᠡᠰᠠᠭ᠎ᠠ ᠶᠢ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃     ︵ᠲᠠᠪᠤ︶ ᠦᠬᠡᠷᠡᠴᠢᠯᠡᠯᠳᠡ ᠨᠡᠬᠡᠬᠡᠯᠳᠡ ᠶᠢᠨ ᠠᠵᠢᠯ ᠢ ᠰᠠᠶᠢᠳᠤᠷ ᠠᠬᠢᠭᠤᠯᠤᠨ᠎ᠠ᠃ ᠦᠨᠤ ᠵᠢᠯ ᠤᠨ ᠠᠵᠤ ᠠᠬᠤᠢ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠬᠡᠪᠴᠢᠶᠠᠨ ᠳᠤ 109 ᠲᠦᠷᠥᠯ ᠤᠨ ᠦᠬᠡᠷᠡᠴᠢᠯᠡᠯᠳᠡ ᠶᠢᠨ ᠡᠬᠦᠷᠬᠡ ᠶᠢ ᠲᠤᠭᠳᠠᠭᠠᠵᠤ᠂ 196 ᠲᠦᠷᠥᠯ ᠢ ᠨᠢ ᠦᠷ᠎ᠠ ᠪᠦᠳᠤᠮᠵᠢ ᠲᠠᠢ ᠪᠤᠯᠭᠠᠬᠤ ᠪᠠᠷ ᠲᠦᠰᠤᠪᠯᠡᠵᠤ ᠪᠤᠢ᠃ ᠪᠢᠳᠠ ᠲᠦᠪ ᠤᠨ ᠬᠠᠩᠭᠠᠯᠭ᠎ᠠ ᠬᠡᠷᠡᠭᠴᠡᠬᠡᠨ ᠤ ᠪᠦᠳᠤᠴᠠ ᠶᠢᠨ ᠴᠢᠨᠠᠷ ᠲᠠᠢ ᠦᠬᠡᠷᠡᠴᠢᠯᠡᠯᠳᠡ ᠶᠢᠨ ᠲᠤᠬᠠᠢ ᠲᠦᠷᠥ ᠶᠢᠨ ᠪᠤᠳᠤᠯᠭ᠎ᠠ ᠶᠢ ᠨᠠᠷᠢᠨ ᠨᠢᠮᠪᠠᠢ ᠲᠤᠤᠱᠯᠠᠭᠤᠯᠵᠤ᠂ ᠭᠠᠵᠡᠷ ᠤᠷᠤᠨ ᠤ ᠪᠠᠶᠢᠳᠠᠯ ᠳᠠᠭᠠᠨ ᠲᠤᠬᠢᠷᠠᠭᠤᠯᠤᠨ᠂ ᠠᠵᠤ ᠠᠬᠤᠶᠢᠯᠡᠯ ᠤᠨ ᠪᠠᠶᠢᠳᠠᠯ ᠳᠤ ᠴᠢᠭᠯᠡᠬᠦᠯᠤᠨ ᠲᠦᠷᠥ ᠶᠢᠨ ᠪᠤᠳᠤᠯᠭ᠎ᠠ ᠬᠡᠷᠡᠭᠵᠢᠬᠦᠯᠵᠤ᠂ ᠦᠬᠡᠷᠡᠴᠢᠯᠡᠯᠳᠡ ᠶᠢᠨ ᠲᠦᠷᠥ ᠶᠢᠨ ᠪᠤᠳᠤᠯᠭ᠎ᠠ ᠪᠠ ᠠᠷᠭ᠎ᠠ ᠪᠠᠷᠢᠯ ᠢ ᠰᠠᠶᠢᠳᠤᠷ ᠬᠡᠷᠡᠭᠯᠡᠨ᠂ ᠪᠦᠳᠤᠮᠵᠢᠳᠡᠢ ᠬᠠᠩᠭᠠᠯᠭ᠎ᠠ ᠬᠡᠷᠡᠭᠯᠡᠭᠡ ᠪᠠᠷ ᠲᠠᠮᠵᠢᠨ᠂ ᠬᠡᠷᠡᠭᠯᠡᠬᠡᠨ ᠤ ᠱᠠᠭᠠᠷᠳᠠᠯᠭ᠎ᠠ ᠶᠢᠨ ᠵᠢᠯᠤᠭᠤᠳᠤᠮᠵᠢ ᠶᠢ ᠴᠢᠩᠭᠠᠳᠬᠠᠨ᠂ ᠮᠠᠨ ᠤ ᠬᠤᠰᠢᠭᠤᠨ ᠤ ᠠᠵᠤ ᠦᠢᠯᠡᠰ ᠤᠨ ᠪᠦᠳᠤᠴᠠ᠂ ᠲᠠᠸᠡᠷ ᠤᠨ ᠪᠦᠳᠤᠴᠠ ᠶᠢ ᠤᠯᠠᠮ ᠰᠢᠯᠢᠳᠡᠭᠵᠢᠬᠦᠯᠬᠦ ᠶᠢ ᠠᠬᠢᠭᠤᠯᠤᠨ᠎ᠠ᠃ ᠪᠡᠯᠡ ᠤᠷᠤᠭᠤᠯᠤᠨ ᠬᠤᠷᠠᠮᠳᠤᠭᠤᠯᠬᠤ ᠪᠠᠶᠢᠭᠤᠯᠤᠮᠵᠢ ᠶᠢ ᠰᠢᠨᠡᠴᠢᠯᠡᠵᠤ᠂ ᠵᠠᠬ᠎ᠠ ᠲᠡᠯᠭᠡᠬᠦᠷ ᠪᠠᠷ ᠦᠨ᠎ᠡ ᠬᠠᠩᠰᠢ ᠲᠤᠭᠳᠠᠭᠠᠬᠤ ᠵᠤᠬᠢᠴᠠᠮᠵᠢ ᠶᠢ ᠲᠡᠬᠦᠯᠳᠡᠷᠵᠢᠬᠦᠯᠦᠨ᠂ ᠡᠷᠭᠡ ᠲᠡᠭᠰᠢ ᠦᠷᠢᠰᠦᠯᠳᠦᠬᠦ ᠵᠠᠬ᠎ᠠ ᠲᠠᠯᠭᠡᠬᠦᠷ ᠤᠨ ᠤᠷᠴᠢᠨ ᠢ ᠪᠤᠢ ᠪᠤᠯᠭᠠᠨ᠎ᠠ᠃ ᠡᠷᠬᠡ ᠶᠢ ᠴᠤᠮᠬᠠᠳᠬᠠᠵᠤ᠂ ᠡᠷᠴᠢᠮ ᠢᠶᠠᠨ ᠴᠢᠩᠭᠠᠷᠠᠭᠤᠯᠬᠤ ᠶᠢ ᠠᠬᠢᠭᠤᠯᠵᠤ᠂ ᠠᠵᠦ ᠠᠬᠤᠶᠢᠯᠠᠯ ᠤᠨ ᠪᠡᠯᠡ ᠤᠷᠤᠭᠤᠯᠤᠯᠳᠠ ᠶᠢᠨ ᠬᠢᠨᠠᠨ ᠵᠦᠪᠰᠢᠶᠠᠷᠡᠯ ᠢ ᠰᠢᠯᠤᠭᠤᠳᠬᠠᠵᠤ᠂ ᠤᠯᠤᠰ᠂ ᠤᠷᠤᠨ᠂ ᠠᠶᠢᠮᠠᠭ ᠤᠨ ᠪᠠᠭᠤᠯᠭᠠᠭᠰᠡᠨ ᠬᠢᠨᠡᠨ ᠵᠦᠪᠰᠢᠶᠠᠷᠡᠯ ᠤᠨ ᠡᠷᠬᠡ ᠶᠢ ᠰᠠᠶᠢᠳᠣᠷ ᠬᠡᠷᠡᠭᠵᠢᠬᠦᠯᠵᠤ᠂  ᠦᠢᠯᠡᠴᠢᠯᠡᠭᠡ ᠪᠠᠨ ᠰᠠᠶᠢᠵᠢᠷᠠᠭᠤᠯᠤᠨ᠎ᠠ᠃ ᠮᠠᠯᠵᠢᠬᠤ ᠤᠷᠤᠨ ᠤ ᠨᠡᠶᠢᠳᠡ ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠬᠡᠳᠬᠡᠨ᠎ᠠ᠃ ᠠᠮᠢ ᠠᠬᠤᠢ ᠶᠢᠨ ᠬᠤᠷᠢᠭ᠎ᠠ ᠱᠤᠭᠤᠮ ᠤᠨ ᠲᠦᠰᠦᠯ ᠵᠢᠴᠢ ᠤᠳᠤᠷᠢᠳᠬᠤ ᠺᠠᠳ᠋ᠷ ᠤᠨ ᠪᠠᠶᠢᠭᠠᠯᠢ ᠎ ᠶᠢᠨ ᠡᠬᠢ ᠪᠠᠶᠠᠯᠢᠭ ᠤᠨ ᠬᠢᠨᠠᠨ ᠪᠤᠳᠤᠯᠳᠠ ᠶᠢᠨ ᠠᠷᠭ᠎ᠠ ᠶᠢ ᠲᠤᠭᠳᠠᠭᠠᠵᠦ᠂ ᠠᠮᠢ ᠠᠬᠤᠢ ᠶᠢᠨ ᠬᠠᠮᠠᠭᠠᠯᠠᠯᠳᠠ ᠬᠢᠭᠡᠳ ᠵᠠᠰᠠᠨ ᠴᠡᠭᠴᠡᠯᠡᠯᠳᠡ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠬᠦᠯᠳᠡᠷᠵᠢᠬᠦᠯᠦᠨ᠎ᠡ᠃ ᠭᠠᠶᠢᠯᠢ ᠲᠠᠳᠠᠪᠤᠷᠢ ᠶᠢᠨ ᠪᠠᠶᠢᠭᠤᠯᠤᠮᠵᠢ ᠬᠢᠭᠡᠳ ᠡᠷᠦᠭᠡ ᠠᠮᠠ ᠶᠢᠨ ᠲᠠᠩᠰᠠ ᠶᠢᠨ ᠲᠦᠷᠢᠮ ᠢ ᠦᠭᠡᠷᠡᠴᠢᠯᠡᠵᠦ᠂ ᠠᠵᠦ ᠦᠢᠯᠡᠰ ᠤᠨ ᠨᠢᠭᠡᠴᠡ ᠶᠢᠨ ᠲᠦᠷᠦᠯ ᠠᠩᠬᠢᠯᠠᠯ᠂ ᠨᠡᠶᠢᠭᠡᠮ ᠤᠨ ᠠᠪᠤᠷᠡᠨ ᠲᠤᠰᠠᠯᠠᠯᠳᠠ᠂ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠦᠯᠳᠡ᠂ ᠠᠮᠢ ᠠᠬᠤᠢ ᠶᠢᠨ ᠪᠤᠯᠪᠠᠰᠤᠨ ᠵᠡᠷᠭᠡ ᠠᠵᠢᠯ ᠲᠦᠷᠦᠯ ᠤᠨ ᠦᠭᠡᠷᠡᠴᠢᠯᠡᠯᠳᠡ ᠶᠢ ᠲᠦᠷᠭᠡᠳᠬᠡᠨ᠂ ᠲᠣᠭᠳᠠᠮᠠᠯ ᠬᠦᠷᠦᠩᠭᠡ ᠶᠢ ᠲᠠᠩᠰᠠᠯᠠᠨ ᠲᠡᠮᠳᠡᠭᠯᠡᠬᠦ ᠠᠵᠢᠯ ᠢ ᠠᠬᠢᠭᠤᠯᠵᠦ᠂ ᠤᠷᠴᠢᠨ ᠲᠤᠭᠤᠷᠢᠨ ᠤ ᠬᠠᠤᠯᠢ ᠬᠡᠷᠡᠭᠵᠢᠬᠦᠯᠬᠦ ᠪᠠᠶᠢᠭᠤᠯᠤᠮᠵᠢ ᠳᠤ ᠦᠭᠡᠷᠡᠴᠢᠯᠡᠯᠳᠡ ᠬᠢᠨ᠎ᠠ᠃ ᠠᠯᠪᠠᠨ ᠲᠡᠷᠬᠡ᠂ ᠨᠤᠳᠤᠭ ᠪᠠᠯᠴᠢᠬᠡᠷ ᠤᠨ ᠡᠷᠬᠡ ᠶᠢ ᠲᠣᠳᠣᠷᠬᠠᠶᠢᠯᠠᠨ ᠲᠠᠩᠰᠠᠯᠠᠬᠤ᠂ ᠦᠨᠡᠮᠯᠡᠯ ᠲᠠᠷᠬᠠᠭᠠᠬᠤ᠂ ᠮᠤᠩᠭᠤᠯ ᠢᠶᠠᠷ ᠬᠢᠴᠢᠶᠠᠯᠯᠠᠵᠤ ᠪᠠᠶᠢᠭ᠎ᠠ ᠰᠤᠷᠤᠭᠴᠢᠳ ᠤᠨ ᠰᠤᠷᠤᠯᠭ᠎ᠠ ᠶᠢᠨ ᠲᠡᠳᠬᠦᠮᠵᠢ ᠵᠡᠷᠬᠡ ᠦᠬᠡᠷᠡᠴᠢᠯᠡᠯᠳᠡ ᠶᠢ ᠪᠠᠶᠠᠯᠠᠬᠦᠯᠵᠤ᠂ ᠪᠦᠬᠦ ᠬᠤᠰᠢᠭᠤᠨ ᠤ ᠵᠠᠰᠠᠭ ᠵᠠᠬᠢᠷᠭᠠᠨ᠂ ᠠᠵᠢᠯ ᠦᠢᠯᠡᠰ ᠤᠨ ᠪᠠᠶᠢᠭᠤᠯᠭ᠎ᠠ ᠶᠢᠨ ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠬᠤ ᠬᠠᠳᠠᠭᠠᠯᠠᠬᠤ ᠬᠠᠷᠢᠴᠠᠯ ᠢ 10%᠎ ᠠᠴᠠ 12% ᠪᠤᠯᠭᠠᠨ᠎ᠠ᠃ ᠡᠬᠦᠨ ᠤ ᠬᠠᠮᠳᠤ ᠲᠦᠷᠥ ᠶᠢᠨ ᠶᠠᠪᠤᠳᠠᠯ ᠤᠨ ᠬᠤᠷᠢᠶᠠᠨ ᠤ ︽ᠬᠢᠯᠢ ᠲᠠᠭᠠᠤ ᠭᠤᠤᠯᠳᠠᠯᠭ᠎ᠠ ᠲᠠᠢ ᠤᠷᠤᠨ ᠲᠤᠭᠤᠷᠢᠭ ᠢ ᠨᠡᠬᠡᠬᠡᠨ ᠠᠰᠢᠭᠯᠠᠵᠤ ᠴᠢᠯᠤᠬᠡᠳᠡᠢ ᠪᠤᠯᠭᠠᠬᠤ ᠬᠠᠮᠢᠶ᠎ᠠ ᠪᠦᠬᠦᠢ ᠲᠦᠷᠥ ᠶᠢᠨ ᠪᠤᠳᠤᠯᠭ᠎ᠠ ᠶᠢ ᠬᠡᠷᠡᠭᠵᠢᠬᠦᠯᠬᠦ ᠲᠤᠬᠠᠢ ᠰᠠᠨᠠᠯ︾᠎ ᠤᠨ ᠲᠤᠬᠢᠶᠠᠯ ᠎ ᠢ ᠡᠵᠡᠮᠳᠡᠵᠦ᠂ ᠨᠠᠷᠠᠠᠪᠤᠯᠠᠭ ᠤᠨ ᠬᠢᠯᠢ ᠶᠢᠨ ᠠᠷᠠᠳ ᠤᠨ ᠨᠡᠪᠳᠡᠷᠡᠬᠦ ᠵᠠᠮ᠂ ᠬᠢᠯᠢ ᠶᠢᠨ ᠪᠤᠭᠤᠮᠳᠠ ᠪᠠᠷ ᠨᠠᠪᠳᠠᠷᠠᠬᠦ ᠵᠠᠰᠠᠮᠠᠯ ᠵᠠᠮ ᠵᠢᠴᠢ ᠦᠷᠳᠡᠭᠡ᠂ ᠪᠠᠶᠢᠴᠠᠭᠠᠬᠤ ᠦᠷᠳᠡᠭᠡ ᠶᠢᠨ ᠪᠠᠷᠢᠯᠭ᠎ᠠ ᠶᠢ ᠡᠬᠢᠯᠡᠬᠦᠯᠤᠨ᠎ᠠ᠃ ᠠᠷᠠᠯᠵᠢᠶᠠᠴᠢᠨ ᠤᠷᠢᠬᠤ ᠠᠵᠢᠯ ᠢ ᠰᠠᠶᠢᠳᠤᠷ ᠠᠳᠬᠤᠨ᠂ ᠭᠤᠤᠯᠳᠠᠭᠤ ᠨᠡᠬᠦᠷᠡᠰᠤᠨ ᠤ ᠠᠰᠢᠭᠯᠠᠯᠳᠠ᠂ ᠰᠤᠶᠤᠯ ᠵᠤᠭᠠᠴᠠᠯ ᠤᠨ ᠡᠬᠢ ᠪᠠᠶᠠᠯᠢᠭ ᠤᠨ ᠨᠡᠬᠡᠬᠡᠨ ᠠᠰᠢᠭᠯᠠᠯᠳᠠ ᠪᠠ ᠰᠢᠨ᠎ᠠ ᠰᠢᠡᠵᠢᠯᠡᠭᠡ ᠮᠡᠷᠬᠡᠵᠢᠯ ᠤᠨ ᠡᠨᠧᠷᠬᠢ ᠶᠢᠨ ᠠᠵᠤ ᠦᠢᠯᠡᠰ ᠵᠠᠷᠬᠡ ᠨᠢᠬᠡ ᠪᠦᠯᠦᠭ ᠮᠠᠨ ᠤ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢ ᠲᠤᠯᠭᠠᠭᠤᠷᠢᠯᠠᠬᠤ ᠪᠦᠳᠤᠮᠵᠢᠳᠡᠢ ᠲᠦᠷᠥᠯ ᠵᠥᠢᠯ ᠢ ᠤᠷᠢᠨ ᠤᠷᠤᠭᠤᠯᠵᠤ᠂ ᠦᠨᠤ ᠵᠢᠯ 30 ᠳ᠋ᠦᠩᠰᠢᠭᠤᠷ ᠲᠦᠬᠦᠷᠢᠭ ᠠᠴᠠ ᠲᠡᠬᠡᠭᠰᠢ ᠪᠡᠯᠡ ᠮᠦᠩᠬᠦ ᠎ ᠶᠢ ᠲᠠᠮᠠᠴᠠᠨ ᠤᠯᠬᠤ ᠪᠠᠷ ᠴᠢᠷᠮᠠᠶᠢᠨ᠎ᠠ᠃     ︵ᠵᠢᠷᠭᠤᠭ᠎ᠠ︶ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠠᠮᠠᠴᠠᠨ ᠤᠯᠤᠨ᠎ᠠ᠃ ︽ᠵᠢᠷᠭᠤᠭᠠᠨ ᠨᠠᠷᠢᠨ ᠤᠨᠤᠪᠴᠢᠳᠡᠢ︾᠂ ︽ᠲᠠᠪᠤᠨ ᠨᠢᠬᠡ ᠪᠦᠯᠦᠭ︾᠎ ᠤᠨ ᠱᠠᠭᠠᠷᠳᠠᠯᠭ᠎ᠠ ᠎ ᠶᠢ ᠦᠡᠳᠤᠰᠤᠯᠡᠨ᠂ ᠪᠦᠬᠦ ᠬᠤᠰᠢᠭᠤᠨ ᠤ 234 ᠡᠷᠤᠬᠡ ᠶᠢᠨ 623 ᠬᠦᠮᠤᠨ ᠢ ᠶᠠᠳᠠᠭᠤ ᠠᠴᠠ ᠠᠩᠬᠢᠵᠢᠷᠠᠭᠤᠯᠬᠤ ᠎ ᠶᠢ ᠪᠠᠳᠤᠯᠠᠵᠤ᠂ ᠤᠷᠤᠨ ᠤ ᠲᠡᠰ ᠤᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠡᠩᠨᠡᠬᠡᠨ ᠠᠴᠠ ᠭᠠᠷᠤᠨ᠎ᠠ᠃ ᠵᠢᠯ ᠤᠨ ᠲᠤᠳᠤᠷ᠎ᠠ ᠭᠠᠵᠠᠷ ᠤᠷᠤᠨ ᠤ ᠡᠳ᠋ ᠤᠨ ᠵᠠᠰᠠᠭ ᠠᠴᠠ 500 ᠲᠦᠮᠡᠨ ᠲᠦᠬᠦᠷᠢᠭ ᠤᠨ ᠪᠡᠯᠡ ᠤᠷᠤᠭᠤᠯᠤᠨ ᠂ 675 ᠲᠦᠮᠡᠨ ᠲᠦᠬᠦᠷᠢᠭ ᠤᠨ ︽ᠭᠤᠷᠪᠡ ᠶᠢ ᠭᠠᠴᠠᠭᠠᠨ ᠳᠤ ᠬᠦᠷᠬᠡᠵᠤ᠂ ᠭᠤᠷᠪᠡ ᠶᠢ ᠡᠷᠤᠬᠡ ᠳᠤ ᠬᠦᠷᠬᠡᠬᠦ︾ ᠲᠦᠷᠦᠯ ᠵᠦᠢᠯ ᠤᠨ ᠪᠡᠯᠡ ᠤᠷᠤᠭᠤᠯᠤᠯᠳᠠ ᠶᠢ ᠨᠠᠶᠢᠳᠠᠪᠤᠷᠢᠵᠢᠭᠤᠯᠤᠨ᠂ ᠮᠦᠩᠬᠦᠨ ᠬᠦᠢᠯᠬᠡᠬᠡᠨ ᠤ ᠶᠠᠳᠠᠭᠤ ᠶᠢ ᠲᠡᠳᠬᠦᠬᠦ ᠵᠢᠬᠡᠯᠡᠯᠬᠡ 5000 ᠲᠦᠮᠡᠨ ᠲᠦᠬᠦᠷᠢᠭ ᠲᠠᠷᠬᠠᠭᠠᠵᠤ᠂ ᠲᠡᠵᠢᠬᠡᠨ ᠦᠷᠡᠵᠢᠬᠦᠯᠬᠦ᠂ ᠵᠤᠭᠠᠴᠠᠯ ᠵᠡᠷᠬᠡ ᠤᠡᠴᠠᠯᠢᠭᠳᠤ ᠠᠵᠤ ᠦᠢᠯᠡᠰ ᠡᠷᠬᠢᠯᠡᠬᠦᠯᠬᠦ ᠪᠠᠷ ᠲᠠᠮᠵᠢᠨ᠂ 193 ᠡᠷᠤᠬᠡ ᠶᠢᠨ 523 ᠶᠠᠳᠠᠭᠤ ᠬᠦᠴᠢᠷᠳᠡᠯᠳᠡᠢ ᠬᠦᠮᠤᠨ ᠠᠮᠨ ᠶᠢ ᠶᠠᠳᠠᠭᠤ ᠠᠴᠠ ᠨᠢ ᠠᠩᠬᠢᠵᠢᠷᠠᠭᠤᠯᠤᠨ᠎ᠠ᠃ ᠨᠤᠳᠤᠭ ᠪᠠᠯᠴᠢᠬᠡᠷ ᠤᠨ ᠠᠮᠢ ᠠᠬᠤᠢ ᠶᠢᠨ ᠱᠠᠩᠨᠠᠯ ᠨᠦᠬᠦᠪᠤᠷᠢ ᠬᠢᠭᠡᠳ ᠠᠮᠢ ᠠᠬᠤᠢ ᠶᠢᠨ ᠨᠠᠶᠢᠳᠠ ᠶᠢᠨ ᠠᠰᠢᠭᠳᠤ ᠤᠢ ᠶᠢᠨ ᠨᠦᠬᠦᠪᠤᠷᠢ ᠤᠯᠭᠤᠬᠤ ᠪᠠᠷ ᠲᠠᠮᠵᠢᠨ 18 ᠡᠷᠤᠬᠡ ᠶᠢᠨ 48 ᠶᠠᠳᠠᠭᠤ ᠬᠦᠴᠢᠷᠳᠡᠯᠳᠡᠢ ᠬᠦᠮᠤᠨ ᠢ ᠶᠠᠳᠠᠭᠤ ᠠᠴᠠ ᠠᠩᠬᠢᠵᠢᠷᠠᠭᠤᠯᠤᠨ᠎ᠠ᠃ ᠨᠡᠶᠢᠭᠡᠮ ᠤᠨ ᠪᠠᠳᠤᠯᠠᠭ᠎ᠠ ᠪᠠᠷ ᠲᠠᠮᠵᠢᠨ 23 ᠡᠷᠤᠬᠡ ᠶᠢᠨ 52 ᠶᠠᠳᠠᠭᠤ ᠬᠦᠴᠢᠷᠳᠡᠯᠳᠡᠢ ᠬᠦᠮᠤᠨ ᠢ ᠶᠠᠳᠠᠭᠤ ᠠᠴᠠ ᠠᠩᠬᠢᠵᠢᠷᠠᠭᠤᠯᠤᠨ᠎ᠠ᠃ ᠡᠬᠦᠨ ᠠᠴᠠ ᠭᠠᠳᠠᠨ᠎ᠠ᠂ ᠰᠤᠷᠭᠠᠨ ᠬᠦᠮᠤᠵᠢᠯ᠂ ᠡᠮ ᠡᠮᠨᠡᠯᠬᠡ ᠪᠠᠷ ᠲᠡᠳᠬᠦᠨ ᠲᠡᠮᠵᠢᠬᠦ ᠡᠷᠴᠢᠮ ᠢᠶᠠᠨ ᠤᠯᠠᠮ ᠴᠢᠩᠭᠠᠷᠠᠭᠤᠯᠤᠨ᠂ ᠲᠠᠩᠰᠠ ᠡᠪᠭᠡᠮᠡᠯ ᠪᠠᠶᠢᠭᠤᠯᠤᠨ ᠺᠠᠷᠲ ᠤᠯᠭᠤᠨ᠂ ᠶᠠᠳᠠᠭᠤ ᠬᠦᠴᠢᠷᠳᠡᠯᠳᠡᠢ ᠡᠷᠤᠬᠡ ᠶᠢᠨ ᠦᠷ᠎ᠠ ᠬᠡᠤᠬᠡᠳ ᠤᠨ ᠠᠵᠢᠯ ᠮᠠᠷᠬᠡᠵᠢᠯ ᠤᠨ ᠰᠤᠷᠭᠠᠨ ᠬᠦᠮᠤᠵᠢᠯ ᠬᠦᠷᠳᠡᠬᠦ ᠳᠤ ᠲᠤᠰᠬᠠᠢ ᠲᠡᠮᠵᠢᠯᠬᠡ ᠦᠵᠡᠬᠦᠯᠵᠤ᠂ ᠶᠠᠳᠠᠭᠤ ᠬᠦᠴᠢᠷᠳᠡᠯᠳᠡᠢ ᠬᠦᠮᠤᠨ ᠠᠮᠠ ᠶᠢᠨ ᠬᠦᠨᠳᠦ ᠡᠪᠡᠳᠴᠢᠨ ᠤ ᠲᠠᠭᠠᠳᠬᠠᠯ ᠤᠨ ᠲᠠᠩᠰᠠ ᠴᠠᠶᠢᠷᠠᠭᠤᠯᠬᠤ ᠬᠠᠷᠢᠴᠠᠯ ᠢ ᠲᠡᠬᠡᠭᠰᠢᠯᠡᠬᠦᠯᠤᠨ᠎ᠠ᠃ ᠶᠠᠳᠠᠭᠤ ᠶᠢ ᠲᠡᠳᠬᠦᠬᠦ ᠳᠤ ᠤᠷᠢᠳᠠᠪᠠᠷ ᠵᠤᠷᠢᠭ ᠢ ᠨᠢ ᠬᠦᠪᠴᠢᠯᠡᠵᠤ᠂ ᠤᠬᠠᠭᠠᠨ ᠢ ᠨᠢ ᠰᠡᠭᠡᠭᠡᠷᠡᠬᠦᠯᠬᠦ ᠱᠠᠭᠠᠷᠳᠠᠯᠭ᠎ᠠ ᠶᠤᠰᠤᠭᠠᠷ ᠪᠦᠬᠦ ᠶᠠᠳᠠᠭᠤ ᠬᠦᠴᠢᠷᠳᠠᠯᠳᠠᠢ ᠬᠦᠮᠦᠨ ᠠᠮᠠ ᠳᠤ ᠬᠠᠷᠠᠮᠵᠢ ᠦᠭᠡᠢ ᠬᠦᠮᠦᠵᠢᠯ ᠬᠦᠷᠳᠡᠬᠡᠨ᠎ᠠ᠃     ︵ᠲᠤᠯᠤᠭ᠎ᠠ︶ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠤᠨ᠎ᠠ᠃ ᠡᠨᠡ ᠵᠢᠯ ᠪᠤᠯ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠰᠢᠢᠳᠪᠤᠷᠢᠳᠦ ᠵᠠᠩᠬᠢᠯᠠᠭ᠎ᠠ ᠶᠢᠨ ᠵᠢᠯ ᠪᠤᠯᠤᠨ᠎ᠠ᠂ ᠪᠢᠳᠡ ︽ᠶᠠᠭᠤ ᠲᠤᠳᠠᠪᠠᠯ ᠶᠠᠭᠤ ᠶᠢ ᠨᠦᠬᠦᠪᠦᠷᠢᠯᠡᠬᠦ︾ ᠪᠠ ︽ᠮᠠᠯᠵᠢᠬᠤ ᠤᠷᠤᠨ ᠳᠤ ᠨᠢᠭᠡ ᠴᠦ ᠡᠷᠦᠭᠡ ᠶᠢ ᠤᠷᠬᠢᠭᠳᠠᠭᠤᠯᠬᠤ ᠦᠭᠡᠢ︾  ᠵᠠᠷᠴᠢᠮ ᠢ ᠦᠷᠬᠦᠯᠵᠢᠯᠡᠨ ᠪᠠᠷᠢᠮᠳᠠᠯᠠᠵᠦ᠂ 3.56 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠮᠠᠯᠵᠢᠬᠤ ᠤᠷᠤᠨ ᠤ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠤᠯᠠᠮ ᠰᠠᠶᠢᠵᠢᠷᠠᠭᠤᠯᠤᠨ᠎ᠠ᠃ ᠨᠢᠭᠡ ᠳᠤ᠂ ᠭᠡᠷ ᠪᠠᠶᠢᠰᠢᠩ ᠤᠨ ᠪᠠᠶᠢᠭᠤᠯᠤᠯᠳᠠ ᠶᠢᠨ ᠢᠨᠵᠧᠨᠧᠷᠢᠩ ᠢ ᠢᠳᠡᠪᠬᠢᠳᠠᠢ ᠪᠠᠷ ᠠᠬᠢᠭᠤᠯᠤᠨ᠎ᠠ᠃ ᠮᠠᠯᠵᠢᠬᠤ ᠤᠷᠤᠨ ᠪᠠ ᠰᠤᠮᠤ ᠪᠠᠯᠭᠠᠰᠤᠨ ᠤ ᠰᠠᠭᠤᠭ᠎ᠠ ᠭᠠᠵᠠᠷ ᠲᠤ 54 ᠲᠡᠭᠰᠢ ᠲᠦᠷᠪᠡᠯᠵᠢᠨ ᠮᠧᠲᠷ ᠤᠨ ᠤᠷᠤᠨ ᠰᠠᠭᠤᠴᠠ ᠲᠤᠰᠪᠤᠷᠢ 918 ᠪᠠ 125᠎ ᠶᠢ ᠰᠢᠨ᠎ᠡ ᠪᠠᠷ ᠪᠠᠶᠢᠭᠤᠯᠤᠨ᠂ 11.4 ᠲᠦᠮᠡᠨ ᠲᠡᠭᠰᠢ ᠲᠦᠷᠪᠡᠯᠵᠢᠨ ᠮᠧᠲᠷ ᠤᠨ 2100 ᠬᠡᠷ ᠪᠠᠶᠢᠰᠢᠩ ᠢ ᠵᠠᠰᠠᠨ ᠰᠠᠯᠪᠢᠵᠦ᠂ 8.04 ᠲᠦᠮᠡᠨ ᠲᠡᠭᠰᠢ ᠲᠦᠷᠪᠡᠯᠵᠢᠨ ᠮᠧᠲᠷ ᠤᠨ 1310 ᠠᠶᠤᠯᠳᠡᠢ ᠬᠡᠷ ᠪᠠᠶᠢᠰᠢᠩ ᠢ ᠨᠤᠷᠠᠭᠠᠨ ᠲᠡᠭᠰᠢᠯᠡᠨ᠎ᠡ᠃ ᠬᠤᠶᠠᠷ ᠲᠤ᠂ ᠮᠠᠯᠵᠢᠬᠤ ᠤᠷᠤᠨ ᠤ ᠠᠶᠣᠯᠬᠦᠢ ᠤᠰᠤ ᠤᠮᠳᠠ ᠶᠢᠨ ᠢᠨᠵᠧᠨᠧᠷᠢᠩ ᠢ ᠨᠠᠷᠢᠨ ᠬᠢᠨᠠᠮᠠᠭᠠᠢ ᠬᠡᠷᠡᠭᠵᠢᠬᠦᠯᠦᠨ᠎ᠡ᠃ ᠰᠢᠨ᠎ᠡ ᠪᠠᠷ 100 ᠮᠠᠰᠢᠨ ᠬᠤᠳᠳᠤᠭ᠂ 65 ᠬᠦᠨᠳᠡᠯᠡᠨ ᠴᠢᠭᠯᠡᠯ ᠢᠶᠠᠷ ᠤᠰᠤ ᠲᠠᠳᠠᠬᠤ ᠬᠤᠳᠳᠤᠭ᠂ 217 ᠤᠰᠤ ᠬᠠᠳᠠᠭᠠᠯᠠᠬᠤ ᠵᠤᠭᠤᠷᠢ ᠶᠢ ᠤᠬᠤᠵᠦ᠂ 100 ᠬᠤᠳᠳᠤᠭ ᠢ ᠦᠭᠡᠷᠡᠴᠢᠯᠡᠨ ᠵᠠᠰᠠᠵᠦ᠂ 1000 ᠢᠵᠢ ᠤᠰᠤ ᠴᠡᠪᠠᠷᠰᠢᠬᠦᠯᠬᠦ ᠲᠦᠬᠦᠬᠡᠷᠤᠮᠵᠢ ᠤᠭᠰᠠᠷᠠᠨ᠎ᠠ᠃ ᠭᠤᠷᠪᠠ ᠳᠤ᠂ ᠵᠠᠭᠡᠯᠢ ᠭᠤᠳᠤᠮᠵᠢ ᠶᠢ ᠬᠠᠳᠠᠭᠤᠵᠢᠭᠤᠯᠬᠤ ᠢᠨᠵᠧᠨᠧᠷᠢᠩ ᠢ ᠴᠢᠷᠮᠠᠶᠢᠨ ᠪᠠᠶᠠᠯᠡᠬᠦᠯᠦᠨ᠎ᠡ᠃ 1512 ᠲᠦᠮᠡᠨ ᠲᠦᠬᠦᠷᠢᠭ ᠤᠨ ᠪᠡᠯᠡ ᠤᠷᠤᠭᠤᠯᠤᠨ᠂ 33.6 ᠺᠢᠯᠤᠮᠧᠲᠷ ᠵᠠᠬᠡᠯᠢ ᠭᠤᠳᠤᠮᠵᠢ ᠶᠢ ᠬᠠᠳᠠᠭᠤᠵᠢᠭᠤᠯᠤᠨ᠎ᠠ᠃ ᠲᠦᠷᠪᠡ ᠳᠤ᠂ ᠡᠷᠦᠭᠡ ᠪᠤᠯᠭᠠᠨ ᠳᠤ ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠢ ᠴᠢᠷᠮᠠᠶᠢᠨ ᠪᠡᠶᠡᠯᠡᠬᠦᠯᠦᠨ᠎ᠡ᠃ 6 ᠰᠤᠮᠤ ᠪᠠᠯᠭᠠᠰᠤᠨ ᠤ 8 ᠭᠠᠴᠠᠭᠠᠨ ᠤ 80 ᠮᠠᠯᠵᠢᠬᠤ ᠡᠷᠦᠭᠡ ᠳᠤ ᠴᠠᠬᠢᠯᠭᠠᠨ ᠨᠡᠪᠳᠡᠷᠡᠬᠦᠯᠵᠦ᠂ 2000 ᠸᠠᠲ ᠠᠴᠠ ᠲᠡᠭᠡᠭᠰᠢᠬᠢ ᠨᠠᠷᠡ ᠰᠠᠯᠬᠢᠨ ᠢ ᠬᠠᠪᠰᠤᠷᠭᠠᠭᠰᠡᠨ ᠲᠦᠬᠦᠬᠡᠷᠤᠮᠵᠢ 1000 ᠢᠵᠢ ᠶᠢ ᠤᠭᠰᠠᠷᠠᠨ᠎ᠠ᠃ ᠲᠠᠪᠤ ᠳᠤ᠂ ᠷᠠᠳᠢᠤ᠋ ᠲᠧᠯᠸᠢᠰ ᠴᠢᠮᠡᠭᠡ ᠬᠤᠯᠪᠣᠭᠠᠨ ᠤ ᠢᠨᠵᠧᠨᠧᠷᠢᠩ ᠢ ᠬᠦᠴᠤᠯᠠᠨ ᠠᠬᠢᠭᠤᠯᠤᠨ᠎ᠠ᠃ 300 ᠢᠵᠢ ︽ᠡᠷᠦᠭᠡ ᠪᠤᠯᠭᠠᠨ ᠳᠤ ᠨᠡᠪᠳᠡᠷᠡᠬᠦᠯᠬᠦ︾ ᠲᠦᠬᠦᠭᠡᠷᠦᠮᠵᠢ ᠤᠭᠰᠠᠷᠠᠨ᠂ 300 ᠸᠠᠲ ᠲᠤᠭᠠᠴᠢᠯᠠᠭᠰᠠᠨ ᠲᠤᠯᠬᠢᠶᠠᠨ ᠲᠠᠮᠵᠢᠭᠤᠯᠬᠤ ᠦᠷᠳᠡᠭᠡ 2᠎ ᠢ ᠪᠠᠶᠢᠭᠤᠯᠤᠨ᠂ ᠴᠢᠮᠡᠭᠡ ᠬᠤᠯᠪᠤᠭᠠᠨ ᠤ ᠲᠤᠬᠢᠶ᠎ᠠ ᠲᠠᠮᠵᠢᠭᠤᠯᠬᠤ ᠦᠷᠳᠡᠭᠡ 13᠎ ᠶᠢ ᠪᠠᠶᠢᠭᠤᠯᠵᠦ᠂ 421 ᠡᠷᠦᠭᠡ ᠎ ᠳᠤ ᠰᠦᠯᠵᠢᠶ᠎ᠠ ᠤᠷᠤᠭᠤᠯᠤᠨ᠎ᠠ᠃ ᠵᠢᠷᠭᠤᠭ᠎ᠠ ᠳᠤ᠂ ᠭᠠᠴᠠᠭᠠᠨ ᠤ 6 ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠤᠨ ᠪᠠᠶᠢᠭᠤᠯᠤᠯᠳᠠ ᠶᠢᠨ ᠢᠨᠵᠧᠨᠧᠷᠢᠩ ᠢ ᠦᠨᠡᠨᠬᠦ ᠰᠠᠶᠢᠳᠤᠷ ᠬᠢᠨ᠎ᠡ᠃ 48 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠰᠢᠨ᠎ᠡ ᠪᠠᠷ ᠭᠠᠴᠠᠭᠠᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠢ ᠪᠠᠶᠢᠭᠤᠯᠤᠨ᠎ᠠ᠃ ᠲᠤᠯᠤᠭ᠎ᠠ ᠳᠤ᠂ ᠭᠠᠴᠠᠭᠠᠨ ᠤ ᠰᠤᠶᠤᠯ ᠤᠨ ᠦᠷᠳᠡᠬᠡᠨ ᠤ ᠪᠠᠶᠢᠭᠤᠯᠤᠯᠳᠠ ᠶᠢᠨ ᠢᠨᠵᠧᠨᠧᠷᠢᠩ ᠢ ᠢᠳᠡᠪᠬᠢᠳᠠᠢ ᠪᠠᠷ ᠠᠬᠢᠭᠤᠯᠤᠨ᠎ᠠ᠃ 25 ᠰᠤᠶᠤᠯ ᠤᠨ ᠦᠷᠦᠭᠡ ᠰᠢᠨ᠎ᠡ ᠪᠠᠷ ᠪᠠᠶᠢᠭᠤᠯᠤᠨ᠂ 18᠎ ᠶᠢ ᠦᠭᠡᠷᠡᠴᠢᠯᠡᠨ ᠵᠠᠰᠠᠨ᠎ᠠ᠃ ᠨᠠᠢᠮᠠ ᠳᠤ᠂ ᠭᠠᠴᠠᠭᠠᠨ ᠤ ᠠᠷᠠᠳ ᠲᠤ ᠲᠦᠬᠦᠮ ᠦᠵᠡᠬᠦᠯᠬᠦ ᠴᠢᠯᠦᠭᠡᠳᠦ ᠲᠡᠯᠭᠡᠬᠦᠷ ᠤᠨ ᠪᠠᠶᠢᠭᠤᠯᠤᠯᠳᠠ ᠎ ᠶᠢᠨ ᠢᠨᠵᠧᠨᠧᠷᠢᠩ ᠢ ᠰᠠᠶᠢᠳᠣᠷ ᠭᠡᠷᠡᠭᠵᠢᠬᠦᠯᠦᠨ᠎ᠡ᠃ 2 ᠴᠢᠯᠦᠭᠡᠳᠦ ᠲᠡᠯᠭᠡᠬᠦᠷ ᠢ ᠦᠷᠭᠡᠳᠬᠡᠨ ᠪᠠᠶᠢᠭᠤᠯᠵᠦ᠂ 7 ᠮᠠᠰᠢᠨ ᠠᠪᠴᠤ᠂ ᠨᠡᠬᠦᠳᠡᠯ ᠦᠢᠯᠡᠴᠢᠯᠡᠭᠡᠨ ᠤ ᠴᠢᠯᠦᠭᠡᠳᠦ ᠲᠡᠯᠭᠡᠬᠦᠷ ᠪᠤᠯᠭᠠᠨ᠎ᠠ᠃ ᠶᠢᠰᠦ ᠳᠤ᠂ ᠮᠠᠯᠵᠢᠬᠤ ᠤᠷᠤᠨ ᠎ ᠤ ᠨᠠᠰᠤᠵᠢᠯ ᠤᠨ ᠲᠠᠭᠠᠳᠬᠠᠯ᠂ ᠦᠨᠳᠦᠷ ᠨᠠᠰᠤᠨ ᠤ ᠨᠦᠬᠦᠪᠦᠷᠢ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠲᠠᠷᠬᠠᠭᠠᠨ᠎ᠠ᠃ ᠵᠢᠯ ᠤᠨ ᠲᠤᠳᠤᠷ᠎ᠠ  ᠮᠠᠯᠵᠢᠬᠤ ᠤᠷᠤᠨ ᠤ 1705 ᠬᠦᠮᠤᠨ ᠳᠤ 332.1 ᠲᠦᠮᠡᠨ ᠲᠦᠬᠦᠷᠢᠭ ᠎ ᠤᠨ ᠨᠠᠰᠤᠵᠢᠯ ᠤᠨ ᠲᠠᠭᠠᠳᠬᠠᠯ ᠲᠠᠷᠬᠠᠭᠠᠨ᠎ᠠ︔ ᠦᠨᠳᠦᠷ ᠨᠠᠰᠤᠨ ᠤ ᠨᠦᠬᠦᠪᠦᠷᠢ ᠬᠦᠷᠳᠡᠵᠦ ᠪᠠᠶᠢᠭ᠎ᠠ 385 ᠬᠦᠮᠦᠨ ᠳᠤ 66.6 ᠲᠦᠮᠡᠨ ᠲᠦᠬᠦᠷᠢᠭ ᠤᠨ ᠨᠦᠬᠦᠪᠤᠷᠢ ᠲᠠᠷᠬᠠᠭᠠᠨ᠎ᠠ᠃ ᠠᠷᠪᠠ ᠳᠤ᠂ ᠤᠷᠤᠰᠢᠨ ᠰᠠᠭᠤᠬᠤ ᠨᠦᠬᠦᠴᠡᠯ ᠢ ᠰᠠᠶᠢᠵᠢᠷᠠᠭᠤᠯᠤᠨ᠎ᠠ᠃ 8.46 ᠲᠦᠮᠡᠨ ᠮᠧᠲᠷ ᠬᠦᠷᠢᠶ᠎ᠡ ᠬᠡᠷᠡᠮ ᠢ ᠵᠠᠰᠠᠨ ᠪᠠᠶᠢᠭᠤᠯᠵᠦ᠂ ᠵᠠᠮ ᠲᠠᠭᠠᠣ 3.8 ᠲᠦᠮᠡᠨ ᠲᠡᠭᠰᠢ ᠲᠦᠷᠪᠡᠯᠵᠢᠨ ᠮᠧᠲᠷ ᠤᠨ ᠭᠠᠵᠡᠷ ᠢ ᠬᠠᠳᠠᠭᠤᠵᠢᠭᠤᠯᠤᠨ᠂ 4212 ᠲᠡᠭᠰᠢ ᠲᠦᠷᠪᠡᠯᠵᠢᠨ ᠮᠧᠲᠷ ᠤᠨ ᠤᠬᠠᠭᠤᠯᠭ᠎ᠠ ᠶᠢᠨ ᠬᠡᠷᠡᠮ ᠢ ᠭᠠᠷᠭᠠᠨ᠎ᠠ᠃     ︵ᠨᠠᠢᠮᠠ︶ ᠠᠵᠢᠯ ᠤᠯᠭᠤᠬᠤ ᠪᠠ ᠨᠠᠶᠢᠬᠡᠮ ᠤᠨ ᠪᠠᠳᠤᠯᠠᠭ᠎ᠠ ᠶᠢᠨ ᠠᠵᠢᠯ ᠢ ᠰᠠᠶᠢᠳᠤᠷ ᠬᠢᠨ᠎ᠠ᠃ ᠤᠯᠠᠨ ᠲᠦᠮᠡᠨ ᠤ ᠠᠵᠢᠯ ᠤᠯᠵᠦ᠂ ᠦᠢᠯᠡᠰ ᠪᠤᠰᠬᠠᠬᠤ ᠢᠳᠡᠪᠬᠢᠵᠢᠯ ᠢ ᠪᠦᠬᠦ ᠲᠠᠯ᠎ᠠ ᠪᠠᠷ ᠤᠷᠮᠠᠰᠢᠭᠤᠯᠵᠤ᠂ ᠠᠵᠢᠯ ᠤᠯᠭᠤᠵᠤ ᠦᠢᠯᠡᠰ ᠪᠦᠳᠤᠬᠡᠬᠦ ᠡᠯ᠎ᠠ ᠲᠦᠷᠥᠯ ᠤᠨ ᠲᠦᠷᠥ ᠶᠢᠨ ᠪᠤᠳᠤᠯᠭ᠎ᠠ ᠪᠠ ᠠᠷᠭ᠎ᠠ ᠬᠡᠮᠵᠢᠶ᠎ᠠ ᠶᠢ ᠨᠠᠷᠢᠨ ᠨᠢᠮᠪᠠᠢ ᠨᠠᠶᠢᠳᠠᠪᠣᠷᠢᠵᠢᠭᠤᠯᠣᠨ᠂ ᠤᠶᠤᠳᠠᠳ᠂ ᠴᠡᠷᠢᠭ ᠠᠴᠠ ᠬᠠᠯᠠᠭᠳᠠᠭᠰᠠᠳ ᠪᠠ ᠬᠤᠳᠠ ᠤᠷᠤᠭᠰᠠᠨ ᠮᠠᠯᠴᠢᠳ ᠤᠨ ᠪᠠᠶ᠎ᠠ ᠎ ᠪᠠᠨ ᠲᠠᠭᠠᠭᠠᠨ ᠦᠢᠯᠡᠰ ᠪᠤᠰᠬᠠᠬᠤ ᠶᠢ ᠬᠦᠴᠤᠯᠠᠨ ᠳᠡᠮᠵᠢᠵᠦ᠂ ︽ᠠᠵᠢᠯᠯᠠᠭᠰᠠᠳ ᠦᠭᠡᠢ︾ ᠬᠡᠷ ᠪᠦᠯᠢ ᠪᠠᠶᠢᠬᠤ ᠦᠬᠡᠢ ᠪᠤᠯᠭᠠᠬᠤ ᠶᠢ ᠪᠡᠶᠡᠯᠡᠬᠦᠯᠵᠦ᠂ ᠬᠤᠳᠠ ᠪᠠᠯᠭᠠᠰᠤᠨ ᠤ ᠲᠠᠩᠰᠠᠯᠠᠭᠤᠯᠣᠭᠰᠠᠨ ᠠᠵᠢᠯ ᠠᠯᠳᠠᠭᠰᠠᠨ ᠨᠤᠷᠮ᠎ᠠ ᠶᠢ 2%᠎ ᠤᠨ ᠲᠤᠳᠤᠷ᠎ᠠ ᠬᠢᠵᠠᠭᠠᠷᠯᠠᠨ᠎ᠠ᠃ ᠵᠢᠯ ᠤᠨ ᠳᠤᠳᠤᠷ᠎ᠠ 5000 ᠠᠵᠢᠯ ᠤᠨ ᠪᠠᠶᠢᠷᠢ ᠴᠤᠭᠯᠠᠭᠤᠯᠤᠨ᠂ 1200 ᠬᠦᠮᠦᠨ ᠳᠤ ᠪᠤᠯᠪᠠᠰᠤᠷᠠᠯ ᠬᠦᠷᠳᠡᠬᠡᠵᠦ᠂ 1500 ᠲᠦᠮᠡᠨ ᠳᠦᠬᠦᠷᠢᠭ ᠤᠨ ᠪᠠᠭ᠎ᠠ ᠳᠤᠭᠠᠨ ᠤ ᠪᠠᠳᠤᠯᠠᠭᠠᠳᠤ ᠵᠢᠬᠡᠯᠡᠯᠬᠡ ᠶᠢ ᠳᠠᠷᠬᠠᠭᠠᠨ᠂ ᠬᠤᠳᠠ ᠪᠠᠯᠭᠠᠰᠤᠨ ᠤ 700 ᠬᠦᠮᠤᠨ ᠳᠤ ᠰᠢᠨ᠎ᠠ ᠪᠠᠷ ᠠᠵᠢᠯ ᠤᠯᠭᠤᠵᠤ ᠂ ᠨᠡᠬᠦᠯᠬᠡᠨ ᠰᠢᠯᠵᠢᠬᠦᠯᠦᠭᠰᠡᠨ ᠮᠠᠯᠴᠢᠳ ᠤᠨ ᠠᠵᠢᠯ ᠤᠯᠭᠤᠯᠳᠠ ᠶᠢ 1000 ᠬᠦᠮᠦᠨ ᠳᠤ ᠬᠦᠷᠬᠡᠨ᠎ᠠ᠃ ᠨᠡᠶᠢᠬᠡᠮ ᠎ ᠤᠨ ᠪᠠᠳᠤᠯᠠᠭ᠎ᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ︽ᠭᠤᠷᠪᠠᠨ ᠨᠢᠬᠡ︾ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠳᠠᠳᠠᠢ ᠣᠴᠢᠷ ᠢ ᠦᠷᠬᠦᠯᠵᠢᠯᠡᠨ ᠬᠡᠷᠡᠭᠵᠢᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠎ ᠤᠨ ᠨᠠᠰᠤᠵᠢᠯ ᠤᠨ ᠳᠠᠭᠠᠳᠬᠠᠯ ᠳᠤ ᠤᠷᠤᠯᠴᠠᠬᠤ ᠨᠤᠷᠮ᠎ᠠ ᠶᠢ ᠳᠠᠰᠤᠷᠠᠯᠳᠠ ᠦᠭᠡᠢ ᠨᠡᠮᠡᠭᠳᠡᠬᠦᠯᠵᠦ᠂ ︽ᠳᠠᠪᠤᠨ  ᠪᠠᠳᠤᠯᠠᠭᠠᠳᠤ ᠡᠷᠤᠬᠡ︾᠂ ︽ᠬᠦᠳᠡᠯᠮᠤᠷᠢᠯᠡᠬᠦ ᠴᠢᠳᠠᠪᠤᠷᠢ ᠦᠭᠡᠢ᠂ ᠠᠮᠢᠳᠤᠷᠡᠯ ᠤᠨ ᠢᠷᠠᠯᠳᠠ ᠦᠬᠡᠢ᠂ ᠠᠰᠠᠷᠠᠨ ᠲᠡᠵᠢᠬᠡᠬᠦ ᠬᠦᠮᠤᠨ ᠦᠬᠡᠢ ᠬᠦᠮᠤᠰ︾᠂ ᠦᠨᠦᠴᠢᠨ ᠬᠡᠦᠬᠡᠳ ᠵᠡᠷᠬᠡ ᠬᠦᠮᠦᠰ ᠤᠨ ᠠᠮᠢᠳᠤᠷᠠᠯ ᠤᠨ ᠨᠦᠬᠦᠪᠦᠷᠢ ᠶᠢ ᠴᠠᠭ ᠳᠤᠬᠠᠢ ᠳᠤᠨᠢ ᠳᠤᠭ᠎ᠠ ᠶᠤᠰᠤᠭᠠᠷ ᠳᠠᠷᠬᠠᠭᠠᠵᠦ᠂ ᠬᠤᠳᠠ ᠬᠦᠳᠡᠭᠡ ᠶᠢᠨ ᠲᠦᠷ ᠴᠠᠭ ᠤᠨ ᠪᠠ ᠠᠪᠤᠷᠠᠨ ᠳᠤᠰᠠᠯᠠᠯᠳᠠ ᠶᠢ ᠰᠠᠶᠢᠳᠤᠷ ᠬᠡᠷᠡᠭᠵᠢᠬᠦᠯᠵᠤ᠂ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠨᠢᠬᠡᠳᠦᠯᠳᠡᠢ ᠲᠦᠯᠦᠪᠵᠢᠬᠦᠯᠬᠦ ᠠᠵᠢᠯ ᠢ ᠡᠬᠢᠯᠡᠬᠦᠯᠤᠨ᠎ᠠ᠃ ︽ᠬᠠᠯᠠᠮᠵᠢ︾ ᠨᠠᠰᠤᠳᠠᠶᠢᠴᠤᠳ ᠢ ᠠᠰᠠᠷᠠᠨ ᠬᠠᠷᠠᠭᠠᠯᠵᠠᠬᠤ ᠦᠢᠯᠡᠴᠢᠯᠡᠬᠡᠨ ᠤ ᠲᠦᠪ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠨᠠᠰᠤᠳᠠᠶᠢᠴᠤᠳ ᠢ ᠠᠰᠠᠷᠠᠨ ᠬᠠᠷᠠᠭᠠᠯᠵᠠᠬᠤ ᠬᠦᠷᠢᠶᠠᠯᠠᠩ ᠤᠨ ᠵᠠᠰᠠᠨ ᠰᠠᠶᠢᠵᠢᠷᠠᠭᠤᠯᠬᠤ᠂ ᠬᠦᠭᠵᠢᠯ ᠨᠡᠶᠢᠬᠡᠮ ᠳᠤᠭᠤᠷᠢᠭ ᠪᠠ ᠪᠡᠯᠬᠦᠳᠡᠢ ᠨᠡᠶᠢᠬᠡᠮ ᠳᠤᠭᠤᠷᠢᠭ ᠤᠨ ᠡᠳᠦᠷ ᠳᠤᠳᠤᠮ ᠤᠨ ᠠᠰᠠᠷᠠᠨ ᠬᠠᠷᠠᠭᠠᠯᠵᠠᠬᠤ ᠦᠢᠯᠡᠴᠢᠯᠡᠬᠡᠨ ᠤ ᠲᠦᠪ ᠬᠢᠬᠡᠳ  ᠤᠷᠤᠰᠢᠭᠤᠯᠭ᠎ᠠ ᠎ ᠶᠢᠨ ᠭᠠᠵᠠᠷ ᠵᠡᠷᠬᠡ ᠶᠢᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠬᠡᠷᠡᠭᠵᠢᠬᠦᠯᠦᠨ᠎ᠡ᠃     ︵ᠶᠢᠰᠦ︶ ᠠᠷᠡᠳ ᠲᠦᠮᠡᠨ ᠬᠠᠨᠤᠮᠵᠢᠳᠡᠢ ᠰᠤᠷᠭᠠᠨ ᠬᠦᠮᠤᠵᠢᠯ ᠢ ᠡᠷᠬᠢᠯᠡᠨ᠎ᠠ᠃ ᠰᠠᠭᠤᠷᠢ ᠰᠤᠷᠭᠠᠨ ᠬᠦᠮᠤᠵᠢᠯ ᠤᠨ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠭᠤᠷᠪᠡᠨ ᠵᠢᠯ ᠤᠨ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠤ ᠂ ᠰᠤᠷᠬᠤ ᠨᠠᠰᠤᠨ ᠠᠴᠠ ᠡᠮᠤᠨᠡᠬᠢ ᠬᠡᠦᠭᠡᠳ ᠤᠨ ᠴᠡᠴᠡᠷᠯᠢᠭ ᠲᠤ ᠰᠠᠭᠤᠬᠤ ᠨᠤᠷᠮ᠎ᠠ ᠶᠢ 90%᠎ ᠠᠴᠠ ᠲᠡᠬᠡᠭᠰᠢ ᠎ ᠳᠤ ᠬᠦᠷᠭᠡᠨ᠂ ᠤᠳᠤᠨ ᠬᠡᠤᠬᠡᠳ ᠤᠨ ᠴᠡᠴᠡᠷᠯᠢᠭ ᠢ ᠦᠪᠡᠷᠳᠡᠬᠡᠨ ᠵᠠᠰᠠᠬᠤ ᠤᠷᠤᠨ ᠤ ᠵᠢᠱᠢᠶ᠎ᠠ ᠦᠵᠡᠬᠦᠯᠬᠦ ᠬᠡᠤᠬᠡᠳ ᠎ ᠤᠨ ᠴᠡᠴᠡᠷᠯᠢᠭ ᠤᠨ ᠪᠠᠷᠢᠮᠵᠢᠶ᠎ᠠ ᠳᠤ ᠬᠦᠷᠬᠡᠵᠤ᠂ ᠠᠩᠬ᠎ᠠ ᠲᠤᠮᠳᠠ ᠠᠴᠠ ᠭᠤᠤᠯᠳᠠᠯᠭ᠎ᠠ ᠲᠠᠢ ᠦᠡᠳᠤᠷ ᠲᠤᠮᠳᠠᠳᠤ ᠎ ᠶᠢᠨ ᠰᠤᠷᠭᠠᠭᠤᠯᠢ ᠳᠤ ᠲᠠᠪᠰᠢᠬᠤ ᠨᠤᠷᠮ᠎ᠠ ᠶᠢ 1 ᠵᠠᠭᠤᠨ ᠤ ᠬᠤᠪᠢ ᠲᠡᠭᠡᠭᠰᠢᠯᠡᠬᠦᠯᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠡᠯᠰᠡᠭᠳᠡᠬᠦ ᠨᠤᠷᠮ᠎ᠠ ᠶᠢ 49%᠎ ᠳᠤ ᠬᠦᠷᠬᠡᠨ᠎ᠠ᠃ ᠦᠨᠳᠦᠰᠦᠳᠡᠨ ᠤ ᠰᠤᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠬᠦ ᠶᠢ ᠪᠠᠳᠤᠯᠠᠨ᠂ ᠮᠤᠩᠭᠤᠯ ᠦᠨᠳᠦᠰᠦᠳᠡᠨ ᠤ ᠪᠠᠭ᠎ᠠ  ᠰᠣᠷᠭᠠᠭᠤᠯᠢ ᠶᠢ ᠦᠨᠳᠦᠰᠦᠳᠡᠨ ᠤ ᠰᠤᠷᠭᠠᠨ ᠬᠦᠮᠦᠵᠢᠯ ᠤᠨ ᠰᠤᠳᠤᠨ ᠰᠤᠷᠭᠠᠭᠤᠯᠢ ᠪᠤᠯᠭᠠᠨ ᠴᠤᠭᠴᠠᠯᠠᠨ ᠪᠠᠶᠢᠭᠤᠯᠵᠦ᠂ ᠮᠤᠩᠭᠤᠯ ᠎ ᠢᠶᠠᠷ ᠬᠢᠴᠢᠶᠡᠯᠯᠡᠬᠦ ᠰᠤᠷᠤᠭᠴᠢ ᠶᠢᠨ ᠲᠡᠭᠰᠢᠳᠭᠡᠭᠰᠡᠨ ᠨᠠᠶᠢᠳᠠ ᠶᠢᠨ ᠬᠡᠷᠡᠭᠯᠡᠬᠡᠨ ᠤ ᠨᠦᠬᠦᠪᠦᠷᠢ ᠶᠢᠨ ᠪᠠᠷᠢᠮᠵᠢᠶ᠎ᠠ ᠶᠢ 50%᠎ ᠪᠠᠷ ᠲᠡᠭᠡᠭᠰᠢᠯᠡᠬᠦᠯᠦᠨ᠎ᠡ᠃ ᠰᠤᠷᠭᠠᠭᠤᠯᠢ ᠡᠷᠬᠢᠯᠡᠬᠦ ᠨᠦᠬᠦᠴᠡᠯ ᠢᠶᠠᠨ ᠲᠠᠰᠤᠷᠠᠯᠳᠠ ᠦᠬᠡᠢ ᠰᠠᠶᠢᠵᠢᠷᠠᠭᠤᠯᠵᠤ᠂ 5167 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠬᠤᠶᠠᠷ ᠰᠠᠭᠤᠷᠢ ᠲᠤᠮᠳᠠᠳᠦ ᠰᠤᠷᠭᠠᠭᠤᠯᠢ ᠶᠢᠨ ᠲᠠᠮᠢᠷ ᠎ ᠤᠨ ᠤᠷᠳᠤᠨ ᠤ ᠪᠠᠷᠢᠯᠭ᠎ᠠ ᠶᠢ ᠠᠰᠢᠭᠯᠠᠯᠳᠠ ᠳᠤ ᠤᠷᠤᠭᠤᠯᠤᠨ᠂ ᠮᠦᠩᠭᠡ ᠭᠠᠯ ᠬᠡᠤᠭᠡᠳ ᠤᠨ ᠴᠡᠴᠡᠷᠯᠢᠭ ᠢ ᠰᠢᠨ᠎ᠡ ᠎ ᠪᠠᠷ ᠨᠡᠬᠦᠯᠭᠡᠨ ᠪᠠᠶᠢᠭᠤᠯᠵᠤ᠂ ᠮᠤᠩᠭᠤᠯ ᠪᠠᠭ᠎ᠠ ᠰᠤᠷᠭᠠᠭᠤᠯᠢ ᠶᠢᠨ ᠬᠦᠯ ᠪᠦᠮᠪᠦᠭᠡ ᠶᠢᠨ ᠪᠠᠷᠢᠯᠭ᠎ᠠ ᠶᠢ ᠡᠬᠢᠯᠡᠬᠦᠯᠦᠨ᠎ᠡ ᠃  ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ ᠰᠢᠯᠢᠳᠡᠭᠵᠢᠬᠦᠯᠵᠦ᠂ ᠪᠠᠭᠰᠢᠨᠠᠷ ᠤᠨ ᠪᠤᠯᠪᠠᠰᠤᠷᠠᠯ ᠢ ᠢᠳᠡᠪᠬᠢᠳᠠᠢ ᠠᠬᠢᠭᠤᠯᠵᠦ᠂ ᠵᠢᠭᠠᠨ ᠰᠤᠷᠭᠠᠯᠳᠠ ᠶᠢᠨ ᠬᠢᠷᠢ ᠪᠦᠳᠦᠮᠵᠢ ᠲᠤᠪᠤᠶᠢᠮ᠎ᠠ ᠪᠠᠭᠰᠢ ᠶᠢ ᠱᠠᠩᠨᠠᠨ ᠬᠦᠬᠢᠬᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠲᠤᠮᠳᠠᠳᠤ ᠪᠠᠭ᠎ᠠ ᠰᠤᠷᠭᠠᠭᠤᠯᠢ ᠶᠢᠨ ᠨᠠᠷᠢᠯᠢᠭᠵᠢᠭᠰᠡᠨ ᠬᠠᠮᠢᠶᠠᠷᠤᠯᠳᠠ ᠶᠢ ᠴᠢᠩᠭᠠᠳᠬᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠢ ᠢᠯᠠ ᠪᠠᠷ ᠤᠷᠢᠨ ᠬᠡᠷᠡᠭᠯᠡᠬᠦ᠂ ᠪᠠᠭᠰᠢ ᠠᠵᠢᠯᠳᠠᠨ ᠎ ᠢ ᠤᠷᠢᠵᠤ ᠬᠡᠷᠡᠭᠯᠡᠬᠦ ᠲᠦᠷᠢᠮ ᠢ ᠲᠡᠬᠦᠯᠳᠡᠷᠵᠢᠬᠦᠯᠵᠦ᠂ ᠠᠵᠢᠯ ᠤᠨ ᠪᠦᠳᠤᠮᠵᠢ ᠪᠠᠷ ᠴᠠᠯᠢᠩ ᠤᠯᠭᠤᠬᠤ ᠦᠬᠡᠷᠡᠴᠢᠯᠠᠯᠳᠠ ᠶᠢᠨ ᠲᠦᠷᠢᠮ ᠢ ᠲᠠᠰᠤᠷᠠᠯᠳᠠ ᠦᠭᠡᠢ ᠬᠦᠡᠵᠡᠬᠡᠶᠢᠷᠡᠬᠦᠯᠤᠨ᠎ᠠ᠃ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠬᠦᠭᠵᠢᠯᠳᠠ ᠶᠢ ᠲᠦᠷᠬᠡᠳᠬᠡᠨ ᠠᠬᠢᠭᠤᠯᠵᠤ᠂ ᠮᠤᠩᠭᠤᠯ ᠪᠠᠭ᠎ᠠ ᠰᠤᠷᠭᠠᠭᠤᠯᠢ ᠪᠠ ᠮᠤᠩᠭᠤᠯ ᠲᠤᠮᠳᠠᠳᠤ ᠰᠤᠷᠭᠠᠭᠤᠯᠢ ᠶᠢ ᠲᠤᠰ ᠲᠤᠰ ᠤᠯᠤᠰ ᠤᠨ ᠲᠠᠰ ᠪᠠ ᠤᠷᠤᠨ ᠤ ᠲᠡᠰ ᠤᠨ ᠬᠦᠯ ᠪᠦᠮᠪᠦᠭᠡ ᠶᠢᠨ ᠤᠡᠴᠠᠯᠢᠭᠳᠤ ᠰᠤᠷᠭᠠᠭᠤᠯᠢ ᠪᠤᠯᠭᠠᠨ ᠪᠠᠶᠢᠭᠤᠯᠤᠨ᠎ᠠ᠃     ︵ᠠᠷᠪᠠ︶ ᠡᠷᠡᠬᠦᠯ ᠴᠢᠬᠢᠷᠠᠭ ᠠᠪᠠᠭ᠎ᠠ ᠨᠤᠳᠤᠭ ᠤᠨ ᠪᠠᠶᠢᠭᠤᠯᠤᠯᠳᠠ ᠶᠢ ᠯᠠᠪᠳᠠᠭᠤᠨ ᠪᠠᠳᠤᠳᠡᠢ ᠠᠬᠢᠭᠤᠯᠣᠨ᠎ᠠ ᠃ ᠰᠢᠨ᠎ᠡ ᠬᠡᠯᠪᠡᠷᠢ ᠶᠢᠨ ᠬᠤᠷᠰᠢᠭᠰᠡᠨ ᠡᠮᠨᠡᠯᠬᠡ ᠶᠢᠨ ᠲᠦᠷᠢᠮ ᠢ ᠲᠠᠰᠤᠷᠠᠯᠳᠠ ᠦᠬᠡᠢ ᠲᠠᠬᠦᠯᠳᠡᠷᠵᠢᠬᠦᠯᠵᠤ᠂ ᠮᠠᠯᠴᠢᠳ ᠤᠨ ᠬᠤᠷᠰᠢᠭᠰᠡᠨ ᠡᠮᠨᠡᠯᠬᠡ ᠳᠤ ᠤᠷᠤᠯᠴᠠᠬᠤ ᠨᠤᠷᠮ᠎ᠠ ᠶᠢ 99%᠎ ᠠᠴᠠ ᠲᠡᠬᠡᠭᠰᠢ ᠳᠤ ᠬᠦᠷᠬᠡᠨ᠎ᠠ᠃ ᠬᠤᠰᠢᠭᠤ ᠲᠠᠰ ᠤᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠠᠬᠢᠭᠤᠯᠵᠤ᠂ ᠡᠳ᠋ ᠤᠨ ᠵᠠᠰᠠᠭ ᠤᠨ ᠨᠦᠬᠦᠪᠤᠷᠢ ᠤᠯᠭᠤᠬᠤ ᠲᠦᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠤᠳᠤᠬᠢᠴᠢᠯᠠᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠡ᠃ ᠡᠮᠴᠢᠯᠡᠬᠡᠨ ᠤ ᠴᠢᠨᠠᠷ ᠴᠢᠡᠰᠠᠭ᠎ᠠ ᠪᠠ ᠦᠢᠯᠡᠴᠢᠯᠡᠬᠡᠨ ᠤ ᠴᠢᠳᠠᠪᠬᠢ ᠪᠠᠨ ᠲᠡᠬᠡᠭᠰᠢᠯᠡᠬᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠦᠡᠵᠡᠬᠡᠢ ᠦᠷᠨᠢᠬᠦᠯᠤᠨ᠂ ᠲᠤᠬᠠᠶᠢᠯᠠᠭᠰᠡᠨ ᠠᠵᠢᠯ ᠤᠨ ᠮᠠᠷᠬᠡᠵᠢᠯ ᠤᠨ ᠴᠢᠳᠠᠪᠤᠷᠢᠳᠠᠨ ᠢ ᠢᠳᠡᠪᠬᠢᠳᠡᠢ ᠤᠷᠢᠨ ᠬᠡᠷᠡᠭᠯᠡᠵᠤ᠂ ᠡᠮᠨᠡᠯᠬᠡ ᠶᠢᠨ ᠬᠤᠷᠢᠶᠠᠨ ᠤ ᠭᠤᠤᠯᠳᠠᠯᠭ᠎ᠠ ᠲᠠᠢ ᠲᠤᠰᠬᠠᠢ ᠰᠠᠯᠠᠭᠠᠨ ᠤ ᠪᠠᠶᠢᠭᠤᠯᠤᠯᠳᠠ ᠶᠢ ᠴᠢᠩᠭᠠᠳᠬᠠᠨ᠂ ᠲᠡᠬᠡᠳᠤ ᠱᠠᠳᠤᠨ ᠤ ᠡᠮᠨᠡᠯᠬᠡ ᠶᠢᠨ ᠬᠤᠷᠢᠶ᠎ᠠ ᠲᠠᠢ ᠬᠤᠯᠪᠤᠭᠠᠯᠠᠬᠤ ᠵᠤᠬᠢᠴᠠᠮᠵᠢ ᠎ ᠶᠢ ᠪᠦᠷᠢᠡᠰᠢᠬᠦᠯᠵᠤ᠂ ᠠᠯᠤᠰ ᠡᠵᠡᠮᠰᠢᠯᠳᠤ ᠡᠮᠴᠢᠯᠡᠬᠡᠨ ᠤ ᠦᠢᠯᠡᠴᠢᠯᠡᠭᠡ ᠶᠢ ᠦᠷᠬᠡᠳᠬᠡᠨ᠂ ᠡᠮᠴᠢᠯᠡᠬᠡᠨ ᠤ ᠴᠢᠨᠠᠷ ᠴᠢᠡᠰᠠᠭ᠎ᠠ ᠪᠠ ᠦᠢᠯᠡᠴᠢᠯᠡᠬᠡᠨ ᠤ ᠬᠢᠷᠢ ᠲᠦᠪᠰᠢᠨ ᠢᠶᠠᠨ ᠦᠷᠬᠦᠯᠵᠢᠯᠡᠨ ᠲᠡᠬᠡᠭᠰᠢᠯᠡᠬᠦᠯᠤᠨ᠎ᠠ᠃ ᠮᠤᠩᠭᠤᠯ ᠡᠮᠨᠡᠯᠬᠡ ᠎ ᠶᠢᠨ ᠦᠢᠯᠡᠴᠢᠯᠡᠬᠡᠨ ᠤ ᠴᠢᠳᠠᠪᠬᠢ ᠶᠢᠨ ᠪᠠᠶᠢᠭᠤᠯᠤᠯᠳᠠ ᠶᠢ ᠴᠢᠩᠭᠠᠳᠬᠠᠨ᠂ ᠦᠡᠳᠤᠰᠤᠳᠠᠨ ᠤ ᠤᠡᠴᠠᠯᠢᠭ ᠪᠦᠬᠦᠢ ᠤᠯᠠᠮᠵᠢᠯᠠᠯᠳᠦ ᠮᠤᠩᠭᠤᠯ ᠡᠮᠴᠢᠯᠡᠬᠡᠨ ᠤ ᠮᠡᠷᠬᠡᠵᠢᠯ ᠢ ᠲᠡᠯᠬᠡᠷᠡᠬᠦᠯᠵᠤ᠂ ᠮᠤᠩᠭᠤᠯ ᠡᠮ ᠡᠮᠨᠡᠯᠬᠡ ᠶᠢᠨ ᠦᠢᠯᠡᠴᠢᠯᠡᠬᠡᠨ ᠎ ᠤ ᠴᠢᠳᠠᠪᠬᠢ ᠶᠢ ᠦᠷᠬᠡᠳᠬᠡᠨ ᠰᠠᠶᠢᠵᠢᠷᠠᠭᠤᠯᠤᠨ᠎ᠠ᠃ ᠪᠦᠬᠦ ᠠᠷᠡᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠦᠳᠡᠯᠬᠡᠬᠡᠨ ᠢ ᠡᠬᠢᠯᠡᠬᠦᠯᠵᠤ᠂ 150 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠮᠠᠯᠵᠢᠬᠤ ᠤᠷᠤᠨ ᠤ ᠪᠠᠶᠢᠩᠭᠤ ᠰᠠᠭᠤᠭ᠎ᠠ 35 — 45 ᠪᠦᠬᠦᠯᠢ ᠨᠠᠰᠤᠨ ᠤ ᠡᠷᠡᠭᠳᠡᠶᠢᠴᠤᠳ ᠪᠠ 30 — 40 ᠪᠦᠬᠦᠯᠢ ᠨᠠᠰᠤᠨ ᠎ ᠤ ᠡᠮᠡᠭᠳᠡᠶᠢᠴᠤᠳ ᠲᠤ ᠰᠦᠢᠳᠬᠡᠯ ᠠᠪᠬᠤ ᠦᠬᠡᠢ ᠡᠷᠡᠬᠦᠯ ᠮᠡᠡᠳᠤ ᠶᠢᠨ ᠪᠠᠶᠢᠴᠠᠭᠠᠯᠳᠠ ᠬᠢᠵᠤ ᠦᠭᠬᠦᠨ᠎ᠠ᠃ ᠤᠯᠠᠨ ᠨᠠᠶᠢᠳᠠ ᠶᠢᠨ ᠦᠡᠳᠤᠰᠤᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠲᠠᠩᠴᠠᠬᠦᠷᠢᠰᠢᠬᠦᠯᠬᠦ ᠠᠵᠢᠯ ᠢ ᠢᠳᠡᠪᠬᠢᠳᠡᠢ ᠦᠷᠨᠢᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠡᠳ ᠤᠨ ᠲᠠᠩᠰᠠ ᠡᠪᠬᠡᠮᠡᠯ ᠪᠠᠶᠢᠭᠤᠯᠤᠭᠰᠡᠨ ᠨᠤᠷᠮ᠎ᠠ ᠶᠢ 90%᠎ ᠠᠴᠠ ᠲᠡᠬᠡᠭᠰᠢ ᠳᠤ ᠬᠦᠷᠬᠡᠨ᠎ᠠ᠃ ᠬᠢᠵᠢᠭ ᠡᠪᠡᠳᠴᠢᠨ ᠢ ᠤᠷᠢᠳᠴᠢᠯᠠᠨ ᠰᠡᠷᠬᠡᠶᠢᠯᠡᠬᠦ ᠠᠵᠢᠯ ᠢ ᠴᠢᠩᠭᠠᠳᠬᠠᠨ᠂ ᠬᠤᠯᠤᠭᠠᠨ᠎ᠠ ᠶᠢᠨ ᠬᠢᠵᠢᠭ᠂ ᠹᠷᠦ᠋ᠽᠧᠯ ᠡᠪᠡᠳᠴᠢᠨ ᠢ ᠰᠢᠯᠭᠠᠨ ᠤᠨᠤᠰᠢᠯᠠᠬᠤ ᠪᠠ ᠬᠡᠨᠡᠳᠳᠡ ᠡᠬᠦᠰᠬᠦ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠷᠡᠭ ᠢ ᠪᠠᠴᠢᠮ ᠠᠷᠭᠠᠴᠠᠭᠠᠨ ᠠᠪᠤᠷᠠᠨ ᠲᠤᠰᠠᠯᠠᠬᠤ ᠵᠠᠷᠬᠡ ᠠᠵᠢᠯ ᠢ ᠰᠠᠶᠢᠳᠤᠷ ᠬᠢᠨ᠎ᠠ᠃ ᠰᠠᠭᠤᠷᠢ ᠲᠦᠬᠦᠬᠡᠷᠤᠮᠵᠢ ᠶᠢᠨ ᠨᠦᠬᠦᠴᠡᠯ ᠢᠶᠠᠨ ᠰᠠᠶᠢᠵᠢᠷᠠᠭᠤᠯᠵᠤ᠂ 3000 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠬᠤᠰᠢᠭᠤᠨ ᠤ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠦᠢᠯᠡᠴᠢᠯᠡᠬᠡᠨ ᠤ ᠶᠠᠷᠤᠩᠬᠡᠶᠢᠯᠡᠭᠰᠡᠨ ᠠᠰᠠᠷ᠂ ᠬᠤᠰᠢᠭᠤ ᠡᠮᠨᠡᠯᠬᠡ ᠶᠢᠨ ᠬᠤᠷᠢᠶ᠎ᠠ ᠶᠢᠨ ᠡᠬᠦᠳᠠᠨ ᠡᠮᠨᠡᠯᠬᠡ ᠶᠢᠨ ᠶᠠᠷᠤᠩᠬᠡᠶᠢᠯᠡᠭᠰᠡᠨ ᠠᠰᠠᠷ᠂ ᠬᠤᠰᠢᠭᠤ ᠮᠤᠩᠭᠤᠯ ᠡᠮᠨᠡᠯᠬᠡ ᠶᠢᠨ ᠬᠤᠷᠢᠶ᠎ᠠ ᠶᠢ ᠦᠬᠡᠷᠡᠴᠢᠯᠡᠵᠤ ᠦᠷᠬᠡᠳᠬᠡᠨ ᠪᠠᠶᠢᠭᠤᠯᠬᠤ ᠪᠠ ᠮᠤᠩᠭᠤᠯ ᠡᠮ ᠨᠠᠶᠢᠷᠠᠭᠤᠯᠬᠤ ᠲᠠᠰᠤᠭ᠂ ᠪᠠᠶᠠᠡᠳᠤᠭ ᠰᠤᠮᠤᠨ ᠤ ᠡᠮᠨᠡᠯᠬᠡ ᠶᠢᠨ ᠬᠤᠷᠢᠶ᠎ᠠ ᠵᠢᠴᠢ ᠲᠦᠷ ᠰᠠᠭᠤᠬᠤ ᠡᠷᠬᠢᠯᠳᠡᠳᠦ ᠤᠷᠤᠨ ᠰᠠᠭᠤᠴᠠ ᠶᠢᠨ ᠪᠠᠶᠢᠭᠤᠯᠤᠯᠳᠠ ᠶᠢᠨ ᠲᠦᠷᠥᠯ ᠵᠥᠢᠯ ᠤᠨ ᠪᠠᠷᠢᠯᠭ᠎ᠠ ᠶᠢ ᠲᠠᠭᠤᠰᠬᠠᠵᠤ᠂ ᠲᠠᠯᠬᠡᠷ ᠡᠮᠨᠡᠯᠬᠡ ᠶᠢᠨ ᠬᠤᠷᠢᠶ᠎ᠠ ᠪᠠ ᠲᠦᠷ ᠰᠠᠭᠤᠬᠤ ᠡᠷᠬᠢᠯᠳᠡᠳᠦ ᠤᠷᠤᠨ ᠰᠠᠭᠤᠴᠠ ᠎ ᠶᠢᠨ ᠲᠦᠷᠥᠯ ᠵᠥᠢᠯ ᠤᠨ ᠪᠠᠷᠢᠯᠭ᠎ᠠ ᠶᠢ ᠡᠬᠢᠯᠡᠬᠦᠯᠤᠨ᠎ᠠ᠃ ᠬᠤᠶᠡᠷ ᠬᠡᠤᠬᠡᠳ ᠠᠪᠬᠤ ᠲᠦᠷᠥ ᠶᠢᠨ ᠪᠤᠳᠤᠯᠭ᠎ᠠ ᠶᠢ ᠯᠠᠪᠳᠠᠭᠤᠨ ᠪᠠᠳᠤᠳᠡᠢ᠂ ᠡᠮᠬᠢ ᠲᠢᠭᠯᠢᠮ ᠲᠠᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠯᠤᠪᠯᠡᠬᠡᠳᠤ ᠦᠷᠡᠵᠢᠯ ᠎ ᠤᠨ ᠤᠡᠴᠠᠭᠠᠢ ᠬᠡᠷ ᠪᠦᠯᠢ ᠶᠢ ᠲᠤᠰᠠᠯᠠᠨ ᠲᠠᠮᠵᠢᠬᠦ ᠡᠷᠴᠢᠮ ᠢᠶᠠᠨ ᠴᠢᠩᠭᠠᠷᠠᠭᠤᠯᠤᠨ᠂ ᠲᠦᠯᠤᠪᠯᠡᠬᠡᠳᠤ ᠦᠷᠡᠵᠢᠯ ᠤᠨ ᠦᠢᠯᠡᠴᠢᠯᠡᠬᠡᠨ ᠤ ᠬᠢᠷᠢ ᠲᠦᠪᠰᠢᠨ ᠢᠶᠠᠨ ᠲᠡᠬᠡᠭᠰᠢᠯᠡᠬᠦᠯᠤᠨ᠎ᠠ᠃     ︵ᠠᠷᠪᠠᠨ ᠨᠢᠭᠡ︶ ᠰᠤᠶᠤᠯ ᠤᠨ ᠦᠢᠯᠡᠰ ᠤᠨ ᠴᠡᠴᠡᠭᠯᠡᠬᠦᠯᠤᠨ ᠬᠦᠭᠵᠢᠬᠦᠯᠤᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠪᠠᠶᠢᠭᠤᠯᠤᠯᠳᠠ ᠶᠢ ᠬᠦᠨᠵᠡᠭᠡᠢ ᠠᠬᠢᠭᠤᠯᠤᠨ᠂ ᠨᠠᠮ ᠪᠠᠶᠢᠭᠤᠯᠤᠭᠳᠠᠭᠰᠠᠨ 95 ᠵᠢᠯ ᠤᠨ ᠤᠢ᠂ ᠤᠷᠳᠦ ᠵᠠᠮ ᠤᠨ ᠠᠶᠠᠨ ᠲᠠᠶᠢᠨ ᠢᠯᠠᠯᠳᠠ ᠤᠯᠤᠭᠰᠠᠨ 80 ᠵᠢᠯ ᠤᠨ ᠤᠢ ᠶᠢ ᠲᠤᠷᠠᠰᠬᠠᠨ ᠪᠡᠯᠭᠡᠯᠡᠬᠦ ᠬᠤᠶᠠᠷ ᠭᠤᠣᠯ ᠰᠡᠳᠦᠪᠳᠦ ᠠᠵᠢᠯᠯᠠᠭ᠎ᠠ ᠶᠢ ᠨᠠᠷᠢᠨ ᠨᠢᠮᠪᠠᠢ ᠵᠤᠬᠢᠶᠠᠨ ᠪᠠᠶᠢᠭᠤᠯᠵᠦ᠂ ︽ᠦᠵᠡᠰᠬᠦᠯᠡᠩᠳᠦ ᠠᠪᠠᠭ᠎ᠠ ᠨᠤᠳᠤᠭ᠂ ᠭᠤᠶᠤᠮᠰᠤᠭ ᠠᠪᠠᠭ᠎ᠠ ᠬᠦᠮᠦᠨ︾ ᠭᠡᠬᠦ ᠭᠤᠣᠯ ᠰᠡᠳᠦᠪᠳᠦ ᠬᠦᠮᠤᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠬᠦᠯᠵᠢᠯᠡᠨ ᠬᠦᠭᠵᠢᠬᠦᠯᠵᠦ᠂ ᠪᠤᠯᠪᠠᠰᠤᠨ ᠰᠤᠮᠤ ᠪᠠᠯᠭᠠᠰᠤ᠂ ᠪᠤᠯᠪᠠᠰᠤᠨ ᠭᠠᠴᠠᠭ᠎ᠠ᠂ ᠪᠤᠯᠪᠠᠰᠤᠨ ᠨᠢᠭᠡᠴᠡ᠂ ᠪᠤᠯᠪᠠᠰᠤᠨ ᠭᠡᠷ ᠪᠦᠯᠢ ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠲᠠᠰᠤᠷᠠᠯᠳᠠ ᠦᠭᠡᠢ ᠠᠬᠢᠭᠤᠯᠤᠨ᠎ᠠ᠃ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠤᠨ ᠡᠷᠴᠢᠮ ᠢᠶᠠᠨ ᠴᠢᠩᠭᠠᠷᠠᠭᠤᠯᠤᠨ᠂ ᠪᠦᠬᠦ ᠠᠷᠠᠳ ᠎ ᠤᠨ ᠪᠡᠶ᠎ᠡ ᠴᠢᠬᠢᠷᠠᠬᠵᠢᠭᠤᠯᠬᠤ ᠲᠦᠪ ᠢ ᠠᠰᠢᠭᠯᠠᠯᠳᠠ ᠳᠤ ᠤᠷᠤᠭᠤᠯᠤᠨ᠂ ᠠᠪᠠᠭ᠎ᠠ ᠴᠤᠭᠤᠷ ᠢ ᠤᠯᠠᠮᠵᠢᠯᠠᠨ ᠵᠠᠯᠭᠠᠮᠵᠢᠯᠬᠤ ᠭᠠᠵᠠᠷ᠂ ᠡᠷᠭᠡᠳᠦ ᠠᠭᠤᠯᠠ ᠶᠢᠨ ᠦᠷᠳᠡᠭᠡ ᠶᠢ ᠦᠷᠭᠡᠳᠬᠡᠨ ᠵᠠᠰᠠᠬᠤ᠂ ᠲᠦᠪ ᠦᠪᠡᠷᠳᠡᠭᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠪᠦᠷᠬᠦᠴᠡ ᠶᠢᠨ ᠲᠤᠭᠠᠴᠢᠯᠠᠭᠰᠠᠨ ᠦᠭᠡᠷᠡᠴᠢᠯᠡᠨ ᠵᠠᠰᠠᠯᠳᠠ ᠶᠢᠨ ᠢᠨᠵᠧᠨᠧᠷᠢᠩ ᠤᠨ ᠪᠠᠷᠢᠯᠭ᠎ᠠ  ᠎ ᠶᠢ ᠲᠠᠭᠤᠰᠬᠠᠵᠦ᠂ ᠮᠤᠷᠢᠨ ᠮᠡᠷᠭᠡᠵᠢᠯ ᠤᠨ ᠪᠤᠯᠪᠠᠰᠤᠷᠠᠯ ᠤᠨ ᠰᠠᠭᠤᠷᠢᠨ ᠵᠢᠴᠢ ᠬᠦᠷᠳᠦᠳᠦ ᠲᠡᠰᠢᠬᠦᠷ ᠤᠨ ᠪᠤᠯᠪᠠᠰᠤᠷᠠᠯ ᠤᠨ ᠲᠠᠯᠠᠪᠠᠢ ᠶᠢ ᠪᠦᠳᠦᠭᠡᠨ ᠪᠠᠶᠢᠭᠤᠯᠬᠤ ᠲᠦᠷᠦᠯ ᠵᠦᠢᠯ ᠢ ᠭᠤᠶᠣᠴᠢᠯᠠᠨ᠎ᠠ᠃ ᠰᠤᠶᠤᠯ ᠤᠨ ᠠᠵᠦ ᠦᠢᠯᠡᠰ ᠤᠨ ᠬᠦᠭᠵᠢᠯᠳᠡ ᠶᠢ ᠢᠳᠡᠪᠬᠢᠳᠠᠢ ᠪᠠᠷ ᠠᠬᠢᠭᠤᠯᠵᠦ᠂ ᠪᠠᠯᠬᠦᠳᠠᠢ ᠤᠭᠰᠠᠭᠠᠨ ᠰᠤᠶᠤᠯ᠂ ︽ᠬᠠᠷ᠎ᠠ ᠠᠳᠤᠭᠤᠨ ᠰᠤᠶᠤᠯ︾᠎ ᠤᠨ ᠲᠤᠭᠤᠷᠢᠨ ᠳᠤ᠂ ᠭᠤᠤᠯ ᠪᠤᠯᠬᠤ ᠰᠤᠶᠤᠯ ᠤᠨ ᠠᠵᠦ ᠠᠬᠤᠶᠢᠯᠠᠯ᠂ ᠪᠢᠴᠢᠯ ᠬᠡᠯᠪᠡᠷᠢ ᠎ ᠶᠢᠨ ᠪᠦᠳᠦᠭᠡᠯᠴᠢ ᠰᠤᠶᠤᠯ ᠤᠨ ᠠᠵᠦ ᠠᠬᠤᠶᠢᠯᠠᠯ ᠢ ᠴᠢᠷᠮᠠᠶᠢᠨ ᠪᠤᠶᠢᠵᠢᠭᠤᠯᠤᠨ᠎ᠠ᠃ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠵᠦ ᠦᠷᠨᠢᠬᠦᠯᠦᠨ᠂ ᠤᠯᠠᠨ ᠤᠯᠤᠰ ᠤᠨ ᠨᠠᠭᠠᠳᠤᠮ ᠳᠤ ᠢᠳᠡᠪᠬᠢᠳᠠᠢ ᠎ ᠪᠠᠷ ᠤᠷᠤᠯᠴᠠᠨ᠂ ︽ᠦᠨᠳᠦᠰᠦᠨ ᠱᠠᠳᠤᠨ ᠳᠤ ᠪᠠᠶᠠᠰᠤᠯ ᠬᠦᠷᠭᠡᠬᠦ︾ ᠵᠡᠷᠭᠡ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠬᠠᠷ᠎ᠠ ᠠᠳᠤᠭᠤᠨ ᠰᠤᠶᠤᠯ ᠤᠨ ᠨᠠᠶᠢᠷ᠂ ᠮᠠᠯᠴᠢᠳ ᠤᠨ ᠰᠤᠶᠤᠯ ᠤᠷᠠᠯᠢᠭ ᠤᠨ ᠨᠠᠶᠢᠷ᠂ ᠮᠦᠩᠬᠦᠨ ᠡᠪᠤᠯ ᠤᠨ ᠨᠠᠶᠢᠷ ᠵᠡᠷᠭᠡ ᠠᠵᠢᠯᠯᠠᠭ᠎ᠠ ᠪᠠᠨ ᠦᠷᠬᠦᠯᠵᠢᠯᠡᠨ ᠰᠠᠶᠢᠳᠤᠷ ᠡᠷᠬᠢᠯᠠᠵᠦ᠂ ᠴᠢᠩᠬᠢᠰ ᠪᠤᠬᠳᠠ ᠠᠭᠤᠯᠠ ᠶᠢᠨ ᠲᠠᠬᠢᠯᠭ᠎ᠠ᠂ ᠪᠠᠯᠬᠦᠳᠠᠢ ᠶᠢᠨ ᠲᠠᠬᠢᠯᠭ᠎ᠠ᠂ ᠬᠦᠨᠵᠠᠪ ᠤᠪᠤᠭᠠᠨ ᠤ ᠲᠠᠬᠢᠯᠭ᠎ᠠ ᠶᠢᠨ ᠠᠵᠢᠯᠯᠠᠭ᠎ᠠ ᠶᠢᠨ ᠠᠭᠤᠯᠭ᠎ᠠ ᠶᠢ ᠤᠯᠠᠮ ᠪᠠᠶᠠᠯᠢᠬᠵᠢᠭᠤᠯᠤᠨ᠎ᠠ᠃ ᠰᠤᠶᠤᠯ ᠤᠨ ᠴᠡᠴᠡᠭᠯᠡᠨ ᠬᠦᠭᠵᠢᠯᠳᠡ ᠶᠢ ᠲᠦᠯᠬᠢᠨ ᠠᠬᠢᠭᠤᠯᠵᠦ᠂ ᠮᠤᠩᠭᠤᠯ ᠵᠦᠴᠦᠭᠡ ︽ᠪᠠᠯᠬᠦᠳᠠᠢ︾᠎ ᠶᠢᠨ ᠲᠤᠭᠯᠠᠯᠳᠠ ᠶᠢᠨ ᠬᠢᠷᠢ ᠲᠦᠪᠰᠢᠨ ᠢ ᠤᠯᠠᠮ ᠲᠡᠭᠡᠭᠰᠢᠯᠡᠬᠦᠯᠦᠨ᠎ᠡ᠃ ᠲᠡᠤᠬᠡ ᠶᠢᠨ ᠲᠤᠷᠠᠰᠬᠠᠯᠳᠦ ᠵᠦᠢᠯᠡᠰ ᠬᠢᠭᠡᠳ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠨ᠂ ︽ᠠᠯᠳᠠᠨ ᠤᠯᠤᠰ ᠤᠨ ᠬᠡᠷᠡᠮ︾᠂ ︽ᠶᠠᠩᠳᠤᠤ ᠶᠢᠨ ᠰᠦᠮ᠎ᠡ︾᠎ ᠶᠢᠨ ᠬᠠᠮᠠᠭᠠᠯᠠᠯᠳᠠ ᠶᠢᠨ ᠢᠨᠵᠧᠨᠧᠷᠢᠩ ᠢ ᠴᠢᠷᠮᠠᠶᠢᠨ ᠡᠬᠢᠯᠡᠬᠦᠯᠵᠦ᠂ ᠴᠢᠩᠬᠢᠰ ᠪᠤᠬᠳᠠ ᠠᠭᠤᠯᠠ ᠶᠢᠨ ᠲᠠᠬᠢᠯᠭ᠎ᠠ ᠶᠢᠨ ᠠᠵᠢᠯᠯᠠᠭ᠎ᠠ ᠶᠢ ᠤᠯᠤᠰ ᠲᠡᠰ ᠤᠨ ᠪᠤᠳᠠᠰ ᠤᠨ ᠪᠤᠰᠤ ᠰᠤᠶᠤᠯ ᠤᠨ ᠦᠪ ᠲᠤ ᠲᠠᠩᠰᠠᠯᠠᠭᠤᠯᠬᠤ ᠪᠠᠷ ᠡᠷᠡᠮᠡᠯᠵᠡᠯᠡᠨ᠎ᠡ᠃     ︵ᠠᠷᠪᠠᠨ ᠬᠤᠶᠡᠷ︶ ᠨᠡᠶᠢᠬᠡᠮ ᠤᠨ ᠠᠮᠤᠷ ᠳᠤᠭᠳᠠᠭᠤᠨ ᠡᠶ᠎ᠡ ᠵᠤᠬᠢᠴᠠᠯ ᠢ ᠬᠠᠮᠠᠭᠠᠯᠠᠨ᠎ᠠ᠃ ᠨᠠᠶᠢᠬᠡᠮ ᠤᠨ ᠵᠦᠷᠢᠴᠡᠯ ᠵᠢᠭᠤᠷᠠᠭᠠᠨ ᠢ ᠬᠦᠡᠵᠡᠬᠡᠢ ᠪᠠᠶᠢᠴᠭᠠᠠᠨ ᠵᠤᠬᠢᠴᠠᠭᠤᠯᠵᠤ᠂ ᠵᠦᠷᠢᠴᠡᠯ ᠵᠢᠭᠤᠷᠠᠭᠠᠨ ᠢ ᠪᠠᠶᠢᠴᠠᠭᠠᠨ ᠵᠤᠬᠢᠴᠠᠭᠤᠯᠬᠤ ᠲᠤᠤᠷ ᠰᠦᠯᠵᠢᠶᠠᠨ ᠤ ᠵᠤᠬᠢᠴᠠᠮᠵᠢ ᠶᠢ ᠪᠦᠷᠢᠨᠰᠢᠬᠦᠯᠦᠨ᠂ ᠭᠤᠤᠯᠳᠠᠯᠭ᠎ᠠ ᠲᠠᠢ ᠭᠠᠵᠡᠷ ᠤᠷᠤᠨ᠂ ᠬᠦᠷᠢᠶ᠎ᠠ ᠬᠡᠪᠴᠢᠶ᠎ᠠ ᠬᠢᠭᠡᠳ ᠬᠦᠮᠤᠰ ᠤᠨ ᠬᠤᠭᠤᠷᠤᠡᠳᠤᠬᠢ ᠵᠦᠷᠢᠴᠡᠯ ᠮᠦᠷᠬᠦᠯᠳᠤᠬᠡᠨ ᠢ ᠪᠠᠶᠢᠴᠠᠭᠠᠨ ᠰᠢᠢᠳᠪᠤᠷᠢᠯᠡᠬᠦ ᠠᠵᠢᠯ ᠢ ᠴᠢᠩᠭᠠᠳᠬᠠᠨ᠂ ᠵᠦᠷᠢᠴᠡᠯ ᠵᠢᠭᠤᠷᠠᠭᠠᠨ ᠪᠠ ᠠᠰᠠᠭᠤᠳᠠᠯ ᠢ ᠪᠠᠭ᠎ᠠ ᠲᠡᠬᠡᠷ᠎ᠠ ᠨᠢ ᠰᠢᠢᠳᠪᠤᠷᠢᠯᠡᠨ᠂ ᠪᠦᠯᠦᠭᠯᠡᠵᠤ ᠬᠡᠷᠡᠭ ᠡᠳᠤᠬᠦ᠂ ᠲᠠᠷᠰᠯᠠᠵᠤ ᠮᠤᠵᠢᠭᠤᠳᠠᠭᠤᠯᠬᠤ ᠠᠵᠢᠯᠯᠠᠭ᠎ᠠ ᠶᠢ ᠡᠷᠡᠰ ᠰᠡᠷᠬᠡᠶᠢᠯᠡᠨ ᠬᠤᠷᠢᠭᠯᠠᠨ᠎ᠠ᠃     ︽1328︾ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠡᠳᠤᠷ ᠪᠤᠯᠤᠨ ᠴᠢᠬᠤᠯᠠ ᠶᠡᠭᠡ ᠬᠦᠴᠢᠷ ᠲᠦᠪᠡᠭᠳᠡᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠤᠳᠤᠷᠢᠳᠤᠯᠭ᠎ᠠ ᠳᠠᠭᠠᠭᠠᠨ ᠬᠠᠷᠢᠭᠤᠴᠠᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠪᠦᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ ᠶᠢ ᠦᠷᠬᠦᠯᠵᠢᠯᠡᠨ ᠪᠠᠭᠠᠰᠬᠠᠨ᠎ᠠ᠃ ᠠᠮᠤᠷ ᠲᠠᠶᠢᠪᠤᠩ ᠤᠨ ᠪᠠᠶᠢᠭᠤᠯᠤᠯᠳᠠ ᠶᠢᠨ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠵᠦ᠂ ᠦᠢᠯᠡᠳᠪᠤᠷᠢᠯᠡᠯ ᠤᠨ ᠠᠮᠤᠷ ᠲᠦᠪᠰᠢᠨ᠂ ᠠᠮᠢᠳᠤᠷᠠᠯ ᠤᠨ ᠠᠮᠤᠷ ᠲᠦᠪᠰᠢᠨ᠂ ᠶᠠᠪᠤᠵᠦ ᠰᠠᠭᠤᠬᠤ ᠠᠮᠤᠷ ᠲᠦᠪᠰᠢᠨ ᠪᠠᠶᠢᠬᠤ ᠪᠠᠷ ᠭᠤᠤᠯ ᠠᠭᠤᠯᠭ᠎ᠠ ᠪᠤᠯᠭᠠᠭᠰᠠᠨ ︽ᠠᠮᠤᠷ ᠲᠤᠳᠤᠨᠤ ᠠᠪᠠᠭ᠎ᠠ ᠨᠤᠳᠤᠭ︾᠎ ᠢ ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠬᠦᠨᠳᠦ ᠨᠤᠴᠢᠳᠠᠢ ᠠᠮᠤᠷ ᠳᠦᠪᠰᠢᠨ ᠤ ᠬᠡᠷᠡᠭ ᠤᠴᠢᠷ ᠪᠠ ᠢᠳᠡᠬᠡᠨ᠂ ᠡᠮ ᠤᠨ ᠵᠥᠢᠯᠡᠰ ᠤᠨ ᠠᠮᠤᠷ ᠳᠦᠪᠰᠢᠨ ᠤ ᠬᠡᠷᠡᠭ ᠤᠴᠢᠷ ᠭᠠᠷᠬᠤ ᠦᠭᠡᠢ ᠪᠠᠶᠢᠬᠤ ᠶᠢ ᠪᠠᠳᠤᠯᠠᠨ᠎ᠠ᠃ ᠨᠠᠮ ᠤᠨ ᠦᠡᠳᠤᠰᠤᠳᠠᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠡᠳᠤᠰᠤᠳᠠᠨ ᠤ ᠪᠦᠯᠬᠦᠮᠳᠠᠯ ᠲᠠᠪᠰᠢᠯᠳᠠ ᠶᠢ ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠬᠦᠡᠵᠡᠬᠡᠢ ᠦᠷᠨᠢᠬᠦᠯᠵᠤ᠂ ᠦᠡᠳᠤᠰᠤᠳᠠᠨ ᠱᠠᠰᠢᠨ ᠰᠤᠷᠳᠠᠬᠤᠨ ᠤ ᠠᠵᠢᠯ ᠲᠦᠷᠥᠯ ᠢ ᠬᠠᠤᠯᠢ ᠶᠤᠰᠤᠭᠠᠷ ᠡᠮᠬᠢ ᠴᠡᠭᠴᠠ ᠲᠠᠢ ᠪᠠᠷ ᠬᠠᠮᠢᠶᠠᠷᠴᠤ᠂ ᠡᠶ᠎ᠡ ᠵᠤᠬᠢᠴᠠᠯ ᠪᠠ ᠠᠮᠤᠷ ᠲᠤᠭᠳᠠᠭᠤᠨ ᠢ ᠪᠠᠳᠤᠯᠠᠨ᠎ᠠ᠃ ᠮᠤᠩᠭᠤᠯ ᠬᠡᠯᠡ ᠪᠢᠴᠢᠭ ᠤᠨ ᠠᠵᠢᠯ ᠢ ᠦᠨᠡᠨᠬᠦ ᠴᠢᠩᠭᠠᠳᠬᠠᠨ᠂ ᠨᠡᠶᠢᠭᠡᠮ ᠤᠨ ᠦᠩᠭᠡᠨ ᠬᠡᠷᠡᠭᠯᠡᠭᠡᠨ ᠤ ᠦᠰᠦᠭ ᠪᠢᠴᠢᠭ ᠢ ᠴᠡᠭᠴᠡᠯᠡᠨ ᠵᠠᠰᠠᠬᠤ ᠱᠠᠳᠦᠴᠢ ᠴᠢᠨᠠᠷ ᠲᠠᠢ ᠡᠬᠦᠷᠭᠡ ᠶᠢ ᠪᠡᠶᠡᠯᠡᠬᠦᠯᠦᠨ᠎ᠡ᠃ ᠢᠨᠲ᠋ᠧᠷ ᠰᠦᠯᠵᠢᠶ᠎ᠡ ᠭᠡᠬᠦ ᠡᠨᠡᠬᠦ ᠭᠤᠤᠯ ᠪᠠᠬᠢᠯᠡᠯᠳᠡ ᠶᠢ ᠢᠮᠠᠭᠳᠠ ᠠᠵᠢᠯ ᠤᠨ ᠭᠤᠤᠯᠳᠠᠯᠭ᠎ᠠ ᠪᠤᠯᠭᠠᠨ᠂ ᠰᠦᠯᠵᠢᠶᠡᠨ ᠤ ᠰᠢᠬᠦᠮᠵᠢᠯᠡᠭᠴᠢ ᠶᠢᠨ ᠡᠩᠨᠡᠭᠡᠨ ᠤ ᠪᠠᠶᠢᠭᠤᠯᠤᠯᠳᠠ ᠶᠢ ᠪᠤᠵᠠᠭᠠᠶᠢᠷᠠᠭᠤᠯᠵᠦ᠂ ᠵᠦᠪ ᠲᠠᠯ᠎ᠠ ᠶᠢᠨ ᠤᠳᠤᠷᠢᠳᠤᠮᠵᠢ ᠶᠢ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠰᠦᠯᠵᠢᠶᠡᠨ ᠲᠡᠭᠡᠷ᠎ᠡ ᠢᠳᠡᠪᠬᠢᠳᠠᠢ ᠤᠬᠠᠭᠤᠯᠭ᠎ᠠ ᠦᠷᠨᠢᠬᠦᠯᠦᠨ᠎ᠡ᠃ ᠰᠦᠯᠵᠢᠶᠡᠨ ᠳᠤ ᠨᠡᠶᠢᠳᠡᠯᠡᠭᠳᠡᠭᠰᠡᠨ ᠠᠭᠤᠯᠭ᠎ᠠ ᠶᠢ ᠰᠠᠶᠢᠳᠤᠷ ᠬᠠᠮᠢᠶᠠᠷᠤᠨ ᠴᠡᠭᠴᠡᠯᠡᠵᠦ᠂ ᠬᠠᠤᠯᠢ ᠶᠤᠰᠤᠭᠠᠷ ᠰᠦᠯᠵᠢᠶ᠎ᠡ ᠶᠢ ᠵᠠᠰᠠᠬᠤ᠂ ᠬᠠᠤᠯᠢ ᠶᠤᠰᠤᠭᠠᠷ ᠰᠦᠯᠵᠢᠶ᠎ᠡ ᠨᠡᠭᠡᠭᠡᠬᠦ᠂ ᠬᠠᠤᠯᠢ ᠶᠤᠰᠤᠭᠠᠷ ᠰᠦᠯᠵᠢᠶᠡᠨ ᠳᠤ ᠭᠠᠷᠬᠤ ᠶᠢ ᠪᠠᠷᠢᠮᠳᠠᠯᠠᠨ᠎ᠠ᠃ ᠦᠨᠦ ᠵᠢᠯ ᠸᠢᠴᠠᠲ ᠤᠨ ᠨᠡᠶᠢᠳᠡ ᠶᠢᠨ ᠲᠠᠪᠴᠠᠩ ᠶᠢ ᠵᠠᠭᠤᠴᠢᠯᠠᠭᠤᠷ ᠤᠨ ᠬᠤᠪᠢ ᠪᠠᠷ ᠭᠤᠤᠯᠳᠠᠯᠭ᠎ᠠ ᠲᠠᠢ ᠬᠠᠮᠢᠶᠠᠷᠤᠨ᠂ ᠵᠤᠬᠢᠰᠳᠠᠢ ᠬᠦᠭᠵᠢᠬᠦᠯᠵᠦ᠂ ᠢᠳᠡᠪᠬᠢᠳᠠᠢ ᠠᠬᠢᠭᠤᠯᠤᠨ᠎ᠠ᠃     ︵ᠠᠷᠪᠠᠨ ᠭᠤᠷᠪᠡ︶ ᠵᠠᠰᠠᠭ ᠤᠨ ᠤᠷᠳᠤᠨ ᠤ ᠪᠠᠶᠢᠭᠤᠯᠤᠯᠳᠠ ᠪᠠᠨ ᠴᠢᠩᠭᠠᠳᠬᠠᠨ᠎ᠠ᠃ ᠰᠢᠨ᠎ᠠ ᠬᠡᠪ ᠪᠠᠶᠢᠳᠠᠯ ᠎ ᠳᠤ ᠢᠳᠡᠪᠬᠢᠳᠡᠢ ᠵᠤᠬᠢᠴᠠᠨ᠂ ᠰᠢᠨ᠎ᠠ ᠬᠦᠭᠵᠢᠯᠳᠠ ᠶᠢᠨ ᠵᠠᠮ ᠢ ᠡᠷᠢᠯᠬᠢᠯᠡᠨ᠂ ᠰᠢᠨ᠎ᠠ ᠡᠬᠦᠷᠬᠡ ᠶᠢ ᠪᠠᠶᠠᠯᠠᠬᠦᠯᠬᠦ ᠳᠤ ᠵᠠᠰᠠᠭ ᠤᠨ ᠤᠷᠳᠤᠨ ᠤ ᠪᠠᠶᠢᠭᠤᠯᠤᠯᠳᠠ ᠳᠤ ᠨᠠᠩ ᠦᠡᠳᠤᠷ ᠱᠠᠭᠠᠷᠳᠠᠯᠭ᠎ᠠ ᠲᠠᠯᠪᠢᠭᠰᠡᠨ ᠪᠤᠯᠬᠤᠷ ᠪᠢᠳᠠ ᠡᠷᠬᠡᠪᠰᠢ ᠪᠦᠬᠦ ᠲᠠᠯ᠎ᠠ ᠶᠢ ᠬᠠᠷᠠᠭᠠᠯᠵᠠᠨ᠂ ᠪᠣᠳᠠᠳᠠᠢ ᠪᠠᠷ ᠠᠵᠢᠯᠯᠠᠵᠤ᠂ ᠯᠠᠪᠳᠠᠭᠤᠨ ᠪᠠᠳᠤᠳᠡᠢ ᠠᠷᠭ᠎ᠠ ᠪᠠᠷᠢᠯ ᠢᠶᠠᠷ ᠬᠠᠤᠯᠢ ᠪᠠᠷ ᠵᠠᠰᠠᠬᠤ ᠶᠢ ᠦᠢᠯᠡᠳᠤᠯᠬᠡᠵᠢᠬᠦᠯᠤᠨ᠎ᠠ᠃ ︽ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠬᠡᠷᠡᠭᠵᠢᠬᠦᠯᠬᠦ ᠬᠦᠳᠤᠯᠪᠤᠷᠢ︾᠎ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ︽ᠲᠤᠯᠤᠳᠤᠭᠠᠷ ᠲᠠᠪᠤᠨ ᠵᠢᠯ︾᠎ ᠤᠨ ᠬᠠᠤᠯᠢ ᠲᠦᠬᠡᠮᠡᠯᠵᠢᠬᠦᠯᠬᠦ ᠠᠵᠢᠯ ᠢ ᠡᠬᠢᠯᠡᠬᠦᠯᠵᠤ᠂ ᠬᠠᠤᠯᠢ ᠶᠤᠰᠤᠭᠠᠷ ᠵᠠᠰᠠᠭ ᠪᠠᠷᠢᠬᠤ ᠶᠢ ᠵᠠᠰᠠᠭ ᠤᠨ ᠤᠷᠳᠤᠨ ᠤ ᠠᠵᠢᠯ ᠤᠨ ᠡᠯ᠎ᠠ ᠬᠦᠷᠢᠶ᠎ᠠ ᠴᠡᠷ᠎ᠠ ᠳᠤ ᠲᠤᠤᠱᠯᠠᠭᠤᠯᠵᠤ᠂ ᠡᠯ᠎ᠠ ᠲᠠᠪᠬᠤᠷᠭ᠎ᠠ᠂ ᠡᠯ᠎ᠠ ᠭᠤᠭᠴᠤᠭ᠎ᠠ ᠶᠢ ᠬᠠᠤᠯᠢ ᠪᠠᠷ ᠵᠠᠰᠠᠬᠤ ᠱᠠᠭᠠᠷᠳᠠᠯᠭ᠎ᠠ ᠶᠤᠰᠤᠭᠠᠷ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠨ᠎ᠠ᠃ ᠲᠤᠮᠤ ᠠᠵᠢᠯ ᠲᠦᠷᠥᠯ ᠢ ᠢᠯᠡ ᠨᠠᠶᠢᠳᠠᠯᠡᠬᠦ ᠲᠦᠷᠢᠮ᠂ ᠨᠠᠶᠢᠬᠡᠮ ᠠᠴᠠ ᠰᠤᠨᠤᠰᠤᠨ ᠨᠤᠳᠠᠯᠠᠬᠤ ᠲᠦᠷᠢᠮ᠂ ᠲᠤᠰᠬᠠᠢ ᠮᠠᠷᠬᠡᠵᠢᠯᠳᠠᠨ ᠠᠴᠠ ᠠᠰᠠᠭᠤᠨ ᠯᠠᠪᠯᠠᠬᠤ ᠲᠦᠷᠢᠮ ᠪᠠ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ ᠲᠤᠭᠳᠠᠭᠠᠬᠤ ᠠᠯᠬᠤᠮ ᠲᠠᠷᠠᠭᠠᠯᠠᠯ ᠢ ᠵᠢᠷᠤᠮᠵᠢᠭᠤᠯᠵᠤ᠂ ᠵᠠᠰᠠᠭ ᠤᠨ ᠤᠷᠳᠤᠨ ᠤ ᠢᠳᠡᠬᠡᠯ ᠬᠦᠡᠳᠤ ᠪᠠ ᠵᠠᠰᠠᠭ ᠶᠠᠪᠤᠭᠤᠯᠬᠤ ᠬᠦᠴᠤᠨ ᠢ ᠲᠡᠬᠡᠭᠰᠢᠯᠡᠬᠦᠯᠤᠨ᠎ᠠ᠃ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠬᠠᠤᠯᠢ ᠶᠤᠰᠤᠨ ᠤ ᠬᠢᠨᠡᠯᠳᠡ ᠪᠠ ᠤᠯᠤᠰ ᠲᠦᠷᠥ ᠶᠢᠨ ᠵᠦᠪᠯᠡᠯᠬᠡᠨ ᠤ ᠠᠷᠡᠳᠴᠢᠯᠠᠯᠳᠤ ᠬᠢᠨᠡᠯᠳᠡ ᠶᠢ ᠤᠬᠠᠮᠰᠠᠷ ᠠᠴᠠ ᠪᠠᠨ ᠬᠦᠯᠢᠶᠠᠨ᠂ ᠵᠠᠰᠠᠭ ᠵᠠᠬᠢᠷᠭᠠᠨ ᠤ ᠬᠢᠨᠡᠨ ᠪᠠᠶᠢᠴᠠᠭᠠᠬᠤ ᠪᠠ ᠬᠢᠨᠡᠨ ᠪᠤᠳᠤᠯᠳᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠡᠷᠬᠡ ᠶᠢᠨ ᠢᠯᠡ ᠲᠤᠳᠤ᠂ ᠲᠦᠪ ᠭᠤᠤᠯᠴᠢ᠂ ᠵᠢᠷᠤᠮᠵᠢᠯ ᠲᠠᠢ ᠪᠠᠶᠢᠬᠤ ᠶᠢ ᠪᠠᠳᠤᠯᠠᠨ᠎ᠠ᠃ ᠨᠠᠰᠤᠳᠠᠶᠢᠴᠤᠳ᠂ ᠵᠡᠮᠳᠡᠭᠴᠤᠳ ᠵᠡᠷᠬᠡ ᠨᠠᠶᠢᠬᠡᠮ ᠤᠨ ᠪᠠᠭᠤᠷᠠᠶᠢᠴᠤᠤᠯ ᠤᠨ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠨ᠂ ᠠᠵᠢᠯᠴᠢᠨ ᠤ ᠡᠪᠯᠡᠯ᠂ ᠡᠮᠡᠭᠳᠡᠶᠢᠴᠤᠳ ᠤᠨ ᠬᠤᠯᠪᠤᠭᠠᠳᠦ ᠬᠤᠷᠠᠯ᠂ ᠡᠪ ᠬᠠᠮᠳᠤ ᠵᠠᠯᠠᠭᠤᠴᠤᠳ ᠤᠨ ᠡᠪᠯᠡᠯ ᠤᠨ ᠠᠵᠢᠯ ᠢ ᠰᠠᠶᠢᠳᠤᠷ ᠲᠠᠮᠵᠢᠵᠤ᠂ ᠨᠠᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠡᠷᠡᠬᠦᠯ ᠬᠦᠭᠵᠢᠯᠳᠠ ᠶᠢ ᠠᠬᠢᠭᠤᠯᠤᠨ᠎ᠠ᠃ ᠠᠵᠢᠯ ᠤᠨ ᠰᠢᠯᠢᠳᠡᠭ ᠰᠤᠷᠳᠠᠯ ᠢᠶᠠᠷ ᠨᠠᠶᠢᠳᠠᠪᠤᠷᠢᠵᠢᠭᠤᠯᠤᠯᠳᠠ ᠶᠢ ᠪᠠᠶᠠᠯᠠᠬᠦᠯᠤᠨ᠎ᠠ᠃ ︽ᠨᠠᠢᠮᠠᠨ ᠵᠦᠢᠯ ᠤᠨ ᠲᠤᠭᠳᠠᠭᠠᠯ︾ ᠵᠢᠴᠢ ᠦᠪᠡᠷᠳᠡᠬᠡᠨ ᠵᠠᠰᠠᠬᠤ ᠤᠷᠤᠨ ᠤ 28 ᠵᠤᠷᠪᠤᠰ ᠢᠵᠢ ᠪᠦᠷᠢᠳᠦᠭᠰᠡᠨ ᠲᠤᠭᠳᠠᠭᠠᠯ ᠢ ᠴᠢᠩᠭ᠎ᠠ ᠵᠢᠷᠤᠮᠯᠠᠨ᠂ ︽ᠭᠤᠷᠪᠡᠨ ᠴᠢᠩᠭ᠎ᠠ ᠭᠤᠷᠪᠠᠨ ᠪᠤᠳᠡᠳᠡᠢ ᠪᠠᠶᠢᠬᠤ︾᠎ ᠶᠢ ᠤᠬᠠᠮᠰᠠᠷ ᠠᠴᠠ ᠪᠠᠨ ᠦᠢᠯᠡᠳᠦᠯᠭᠡᠵᠢᠬᠦᠯᠵᠦ᠂ ᠰᠠᠬᠢᠯᠭ᠎ᠠ ᠲᠦᠷᠢᠮ ᠢ ᠰᠠᠬᠢᠨ᠂ ᠵᠤᠷᠢᠭᠳᠡᠢ ᠪᠠᠷ ᠬᠠᠷᠢᠭᠤᠴᠠᠯᠭ᠎ᠠ ᠡᠬᠦᠷᠬᠡᠯᠡᠵᠤ᠂ ᠢᠳᠡᠪᠬᠢᠳᠡᠢ ᠬᠦᠳᠡᠯᠤᠯᠴᠠᠨ᠂ ᠬᠠᠰᠢ ᠶᠠᠰᠢ ᠲᠤᠷ᠎ᠠ ᠵᠤᠷᠢᠭ ᠢᠶᠠᠷ ᠢᠶᠠᠨ ᠪᠠᠶᠢᠬᠤ ᠦᠵᠡᠭᠳᠡᠯ ᠢ ᠲᠦᠢᠯᠪᠤᠷᠢᠳᠡᠢ ᠴᠡᠭᠴᠡᠯᠡᠨ ᠵᠠᠯᠬᠠᠭᠠᠵᠤ᠂ ︽ᠦᠨᠡᠡᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠬᠦᠷᠬᠡᠯᠡᠬᠦ᠂ ᠪᠤᠳᠡᠳᠡᠢ ᠠᠵᠢᠯᠯᠠᠬᠤ︾᠎ ᠶᠢ ᠪᠦᠬᠦ ᠬᠤᠰᠢᠭᠤᠨ ᠤ ᠺᠠᠳ᠋ᠷᠴᠤᠳ ᠎ ᠤᠨ ᠬᠠᠮᠳᠤ ᠶᠢᠨ ᠤᠶᠤᠨ ᠰᠠᠨᠠᠭᠠᠨ ᠤ ᠬᠡᠪ ᠪᠤᠯᠪᠠᠰᠤᠷᠠᠯ᠂ ᠦᠷᠳᠡᠭ ᠤᠨ ᠦᠵᠡᠯᠳᠡ ᠪᠠ ᠠᠵᠢᠯᠯᠠᠭᠠᠨ ᠤ ᠵᠢᠷᠤᠮᠵᠢᠯ ᠪᠤᠯᠭᠠᠨ᠎ᠠ᠃ ᠪᠠᠶᠢᠭᠤᠯᠤᠮᠵᠢ ᠵᠤᠬᠢᠴᠠᠮᠵᠢ ᠶᠢ ᠤᠯᠠᠮ ᠪᠦᠷᠢᠡᠰᠢᠬᠦᠯᠤᠨ ᠲᠡᠬᠦᠯᠳᠡᠷᠵᠢᠬᠦᠯᠵᠤ᠂ ᠠᠵᠢᠯ ᠢᠶᠠᠨ ᠱᠠᠯᠠᠪᠳᠠᠨ ᠵᠢᠯᠤᠭᠤᠳᠬᠤ ᠠᠷᠭ᠎ᠠ ᠪᠠᠷᠢᠯ ᠤᠨ ᠲᠠᠯ᠎ᠠ ᠪᠠᠷ ᠰᠢᠨ᠎ᠠ ᠶᠢ ᠡᠬᠦᠳᠴᠤ᠂ ᠵᠠᠰᠠᠭ ᠤᠨ ᠤᠷᠳᠤᠨ ᠤ ᠵᠠᠷᠯᠢᠭ ᠵᠢᠭᠠᠪᠤᠷᠢ ᠶᠢ ᠰᠠᠶᠢᠳᠤᠷ ᠬᠡᠷᠡᠭᠵᠢᠬᠦᠯᠵᠤ᠂ ᠲᠦᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠬᠠᠮᠤᠭ ᠦᠢᠷ᠎ᠠ ᠵᠠᠢ︾᠎ ᠶᠢᠨ ᠠᠰᠠᠭᠤᠳᠠᠯ ᠢ ᠰᠠᠶᠢᠳᠤᠷ ᠰᠢᠢᠳᠪᠤᠷᠢᠯᠡᠨ᠎ᠠ᠃ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠠᠷᠢᠭᠤᠨ ᠴᠢᠬᠡᠴᠢ ᠶᠢ ᠪᠠᠷᠢᠮᠳᠠᠯᠠᠨ᠎ᠠ᠃ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠬᠡᠴᠢ ᠰᠠᠬᠢᠯᠭ᠎ᠠ ᠪᠠᠳᠤ ᠶᠢᠨ ᠲᠦᠷᠢᠮᠵᠢᠯ︾ ᠪᠠ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠬᠡᠯ ᠦᠭᠬᠦ ᠲᠦᠷᠢᠮ︾᠎ ᠢ ᠴᠢᠩᠭ᠎ᠠ ᠵᠢᠷᠤᠮᠯᠡᠵᠤ᠂ ︽ᠬᠤᠶᠡᠷ ᠰᠤᠷᠤᠯᠴᠠᠯᠭ᠎ᠠ ᠨᠢᠬᠡ ᠪᠤᠯᠬᠤ︾ ᠬᠦᠮᠤᠵᠢᠯ ᠤᠨ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠤ ᠂ ︽ᠲᠦᠷᠪᠡᠨ ᠰᠤᠷᠳᠠᠯ︾᠎ ᠢ ᠲᠦᠢᠯᠪᠤᠷᠢᠳᠡᠢ ᠴᠡᠭᠴᠡᠯᠡᠨ ᠰᠠᠶᠢᠵᠢᠷᠠᠭᠤᠯᠵᠤ᠂ ︽ᠨᠢᠬᠡ ᠠᠵᠢᠯ ᠤᠨ ᠪᠠᠶᠢᠷᠢ᠂ ᠬᠤᠤᠰ ᠬᠠᠷᠢᠭᠤᠴᠠᠯᠭ᠎ᠠ︾᠎ ᠶᠢ ᠦᠨᠡᠡᠬᠦ ᠬᠡᠷᠡᠭᠵᠢᠬᠦᠯᠵᠤ᠂ ᠬᠠᠤᠯᠢ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠡᠷᠡᠰ ᠴᠢᠩᠭ᠎ᠠ ᠪᠠᠷ ᠪᠠᠶᠢᠴᠠᠭᠠᠨ ᠢᠯᠡᠷᠡᠬᠦᠯᠵᠤ᠂ ᠢᠯᠵᠡᠷᠡᠯ ᠳᠤ ᠴᠢᠩᠭ᠎ᠠ ᠴᠤᠬᠢᠯᠳᠠ ᠦᠭᠬᠦᠨ᠂ ᠲᠦᠪ ᠭᠤᠤᠯᠴᠢ᠂ ᠠᠷᠢᠭᠤᠨ ᠴᠢᠬᠡᠴᠢ᠂ ᠤᠯᠤᠰ ᠲᠦᠷᠥ ᠶᠢᠨ ᠵᠤᠭᠰᠤᠯᠳᠠ ᠪᠠᠳᠤ ᠪᠠᠶᠢᠬᠤ ᠶᠢ ᠪᠠᠶᠠᠯᠠᠬᠦᠯᠤᠨ᠎ᠠ᠃     ᠨᠦᠬᠦᠳ ᠡ︕ ᠢᠷᠡᠬᠡᠳᠤᠢ ᠶᠢᠨ ᠬᠠᠷᠠᠯᠳᠠ ᠪᠠ ᠡᠬᠦᠷᠬᠡ ᠨᠢᠬᠡᠨᠳᠡ ᠲᠤᠳᠤᠷᠬᠠᠢ ᠪᠤᠯᠤᠯ᠎ᠠ︕ ᠴᠠᠭ ᠦᠶ᠎ᠠ ᠎ ᠶᠢᠨ ᠱᠠᠭᠠᠷᠳᠠᠯᠭ᠎ᠠ ᠪᠠ ᠠᠷᠡᠳ ᠲᠦᠮᠡᠨ ᠤ ᠬᠦᠰᠠᠯ ᠨᠠᠶᠢᠳᠠᠯᠭ᠎ᠠ ᠪᠢᠳᠡᠨ ᠤ ᠤᠷᠤᠭᠰᠢᠯᠠᠨ ᠲᠠᠪᠰᠢᠬᠤ ᠶᠢ ᠤᠷᠢᠶᠠᠯᠠᠨ ᠲᠠᠶᠢᠴᠢᠯᠠᠵᠤ ᠤᠷᠮᠠᠰᠢᠭᠤᠯᠤᠨ ᠵᠤᠷᠢᠭᠵᠢᠭᠤᠯᠵᠤ ᠪᠠᠶᠢᠨ᠎ᠠ︕  ᠪᠢᠳᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠡᠢ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤ ᠪᠠᠷ ᠢᠶᠠᠨ ᠨᠢᠭᠳᠠᠷᠡᠨ ᠪᠦᠯᠬᠦᠮᠳᠠᠵᠤ᠂ ᠲᠠᠰᠪᠤᠷᠢ ᠬᠠᠳᠠᠭᠤᠵᠢᠯᠳᠡᠢ ᠲᠠᠮᠠᠴᠡᠬᠦ ᠵᠤᠷᠢᠭ ᠰᠠᠨᠠᠭ᠎ᠠ ᠪᠠᠷ ᠰᠢᠨ᠎ᠠ ᠶᠢ ᠡᠬᠦᠳᠤᠨ ᠤᠷᠤᠭᠰᠢᠯᠠᠵᠤ᠂ ᠬᠤᠰᠢᠭᠤᠨ ᠤ ᠪᠠᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠰᠢᠨ᠎ᠠ ᠪᠠᠶᠢᠳᠠᠯ ᠢ ᠪᠤᠢ ᠪᠤᠯᠭᠠᠵᠤ᠂ ᠴᠡᠴᠡᠭᠯᠡᠨ ᠬᠦᠭᠵᠢᠭᠰᠡᠨ᠂ ᠦᠵᠡᠰᠬᠦᠯᠠᠩᠳᠤ ᠰᠠᠶᠢᠬᠠᠨ᠂ ᠡᠶ᠎ᠡ ᠵᠤᠬᠢᠴᠠᠯ ᠲᠠᠢ᠂ ᠵᠤᠯ ᠵᠢᠷᠭᠠᠯ ᠲᠠᠢ ᠠᠪᠠᠭ᠎ᠠ ᠨᠤᠳᠤᠭ ᠢᠶᠠᠨ ᠴᠤᠭᠴᠠᠯᠠᠨ ᠪᠠᠶᠢᠭᠤᠯᠬᠤ ᠪᠠᠷ ᠲᠠᠮᠠᠴᠠᠵᠡᠬᠡᠶ᠎ᠠ︕     ᠨᠡᠷᠡᠰ  ᠎ ᠤᠨ ᠲᠠᠶᠢᠯᠪᠦᠷᠢ     1.ᠦᠪᠡᠷᠳᠡᠭᠡᠨ ᠵᠠᠰᠠᠬᠤ ᠤᠷᠤᠨ ᠤ ︽ ᠭᠤᠷᠪᠠᠨ ᠨᠢᠭᠡ  ︾ ᠠᠷᠠᠳ ᠤᠨ  ᠠᠮᠢᠳᠤᠷᠠᠯ ᠢ ᠰᠠᠶᠢᠵᠢᠷᠠᠭᠤᠯᠬᠤ ᠪᠤᠳᠠᠲᠦ ᠶᠠᠪᠤᠳᠠᠯ  ᠄ ᠬᠤᠲᠠ ᠬᠦᠳᠡᠭᠡ ᠶᠢᠨ ᠰᠠᠭᠤᠭᠠᠯᠢ ᠠᠷᠠᠳ ᠤᠨ  ᠬᠠᠮᠤᠭ ᠤᠨ ᠨᠠᠭᠠᠲᠦ ᠵᠠᠬ᠎ᠠ ᠶᠢᠨ ᠠᠮᠢᠳᠤᠷᠠᠯ ᠎ ᠤᠨ ᠪᠠᠲᠤᠯᠠᠭ᠎ᠠ ᠶᠢᠨ ᠡᠷᠦᠭᠡ ᠠᠴᠠ ᠶᠡᠭᠡ ᠰᠤᠷᠭᠠᠭᠤᠯᠢ ᠳᠤ ᠰᠢᠯᠭᠠᠨ ᠤᠷᠤᠭᠰᠠᠨ ᠰᠢᠨ᠎ᠡ ᠤᠶᠤᠳᠠᠨ ᠳᠤ 1 ᠲᠦᠮᠡᠨ ᠲᠦᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠦᠩᠭᠦ ᠦᠭᠬᠦ᠂ ᠲᠤᠤᠷ᠎ᠠ ᠤᠷᠤᠯᠭ᠎ᠠ ᠲᠠᠢ ᠮᠠᠯᠴᠢᠨ ᠡᠷᠦᠭᠡ ᠳᠤ 1 ᠲᠤᠨ ᠲᠤᠯᠠᠭᠠᠯᠭ᠎ᠠ ᠶᠢᠨ ᠨᠡᠭᠦᠷᠡᠰᠦ ᠬᠠᠩᠭᠠᠬᠤ᠂ ᠠᠵᠢᠯ ᠤᠯᠤᠭ᠎ᠠ ᠦᠭᠡᠢ ᠭᠡᠷ ᠪᠦᠯᠢ ᠳᠤ ᠨᠠᠭᠠᠲᠦ ᠵᠠᠬ᠎ᠠ ᠨᠢ 1 ᠬᠦᠮᠦᠨ ᠳᠤ  ᠠᠵᠢᠯ  ᠤᠯᠭᠤᠨ᠎ᠠ᠃     2. ︽ ᠭᠤᠷᠪᠠᠨ ᠴᠢᠩᠭ᠎ᠠ ᠭᠤᠷᠪᠠᠨ ᠪᠤᠲᠠᠲᠠᠢ︾᠄ ᠪᠡᠶ᠎ᠡ ᠪᠠᠨ ᠴᠢᠩᠭ᠎ᠠ ᠵᠠᠰᠠᠬᠤ᠂ ᠡᠷᠭᠡ ᠪᠠᠨ ᠴᠢᠩᠭ᠎ᠠ ᠬᠡᠷᠡᠭᠯᠡᠬᠦ᠂ ᠪᠡᠶ᠎ᠡ ᠪᠠᠨ ᠴᠢᠩᠭ᠎ᠠ ᠱᠠᠭᠠᠷᠳᠠᠬᠤ᠂ ᠠᠵᠢᠯ ᠡᠷᠬᠢᠯᠡᠬᠦ ᠳᠡᠭᠡᠨ ᠪᠤᠲᠠᠲᠠᠢ ᠪᠠᠶᠢᠬᠤ᠂ ᠦᠢᠯᠡᠰ ᠪᠤᠰᠬᠠᠬᠤ ᠎ ᠳᠠᠭᠠᠨ ᠪᠤᠲᠠᠲᠠᠢ ᠪᠠᠶᠢᠬᠤ᠂ ᠬᠦᠮᠦᠨ ᠪᠤᠯᠬᠤ ᠳᠠᠭᠠᠨ ᠪᠤᠲᠠᠲᠠᠢ ᠪᠠᠶᠢᠬᠤ᠃     3.︽ ᠭᠤᠷᠪᠠᠨ  ᠦᠨᠡᠮᠯᠡᠯ ᠢ ᠨᠢᠭᠡ ᠪᠤᠯᠭᠠᠨ᠂  ᠨᠢᠭᠡ ᠦᠨᠡᠮᠯᠡᠯ ᠢ ᠨᠢᠭᠡ ᠨᠤᠮᠧᠷ ᠲᠠᠢ ᠪᠠᠶᠢᠯᠭᠠᠬᠤ︾ ᠪᠤᠯ ᠤᠤᠯ ᠤᠨ ᠠᠵᠦ ᠠᠬᠤᠶᠢᠯᠠᠯ ᠪᠦᠷᠢᠳᠭᠡᠬᠦ ᠦᠶ᠎ᠡ ᠳᠤ ᠭᠤᠶᠤᠴᠢᠯᠠᠬᠤ᠂  ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠡᠴᠠ‌ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠡᠷᠭᠡ ᠶᠢᠨ ᠦᠨᠡᠮᠯᠡᠯ᠂ ᠪᠠᠶᠢᠭᠤᠯᠤᠮᠵᠢ ᠶᠢᠨ ᠲᠦᠯᠦᠭᠡᠯᠡᠬᠦ ᠭᠡᠷᠡᠴᠢ ᠪᠠ ᠭᠠᠶᠢᠯᠢ ᠲᠠᠩᠰᠠᠯᠠᠬᠤ ᠬᠡᠷᠡᠴᠢ ᠲᠠᠷᠬᠠᠭᠠᠵᠦ ᠪᠠᠶᠢᠭᠰᠠᠨ ᠠᠴᠠ ᠬᠤᠪᠢᠷᠠᠭᠤᠯᠤᠭᠠᠳ ᠨᠢᠭᠡ ᠯᠠ ᠤᠳᠠᠭ᠎ᠠ ᠭᠤᠶᠤᠴᠢᠯᠠᠵᠦ᠂ ᠵᠠᠭ᠎ᠠ ᠲᠡᠯᠭᠡᠬᠦᠷ ᠤᠨ ᠬᠢᠨᠠᠨ ᠬᠠᠮᠢᠶᠠᠷᠬᠤ  ᠰᠠᠯᠠᠭ᠎ᠠ ᠮᠦᠴᠢᠷ ᠠᠴᠠ ᠬᠠᠤᠯᠢ ᠶᠢᠨ ᠡᠷᠬᠡᠲᠡᠨ ᠪᠠ ᠪᠤᠰᠤᠳ ᠵᠤᠬᠢᠶᠠᠨ ᠪᠠᠶᠢᠭᠤᠯᠤᠯᠲᠠ  ᠬᠠᠮᠲᠤᠷᠠᠭᠰᠠᠨ ᠨᠡᠶᠢᠭᠡᠮ ᠤᠨ ᠢᠳᠡᠭᠡᠮᠵᠢᠲᠦ ᠲᠦᠯᠦᠭᠡᠯᠡᠬᠦ ᠡᠵᠡᠩᠨᠡᠯᠲᠡ ᠶᠢᠨ ᠬᠡᠷᠡᠴᠢ ᠶᠢ  ᠬᠠᠷᠭᠤᠭᠤᠯᠤᠨ ᠲᠠᠷᠬᠠᠭᠠᠬᠤ ᠲᠠᠩᠰᠠᠯᠠᠬᠤ ᠲᠦᠷᠢᠮ ᠢ ᠬᠡᠯᠡᠨ᠎ᠡ᠃     4. ︽ ᠨᠠᠢᠮᠠᠨ ᠲᠠᠯ᠎ᠠ ᠪᠠᠷ ᠬᠦᠴᠦᠯᠡᠬᠦ︾᠄  2015 ᠤᠨ ᠤ ᠬᠤᠰᠢᠭᠤ ᠨᠠᠮ ᠤᠨ ᠬᠤᠷᠢᠶᠠᠨ ᠤ ᠦᠷᠭᠡᠳᠭᠡᠭᠰᠡᠨ ᠬᠤᠷᠠᠯ ᠳᠤ ᠲᠤᠷᠠᠳᠤᠭᠰᠠᠨ ᠠᠭᠤᠯᠭ᠎ᠠ ᠶᠢ ᠪᠤᠲᠠᠲᠠᠢ ᠪᠠᠷ ᠬᠡᠯᠡᠪᠡᠯ  ᠂  ᠮᠠᠯ ᠠᠵᠦ ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠬᠤ ᠪᠠᠷ ᠭᠤᠤᠯᠳᠠᠯᠭ᠎ᠠ ᠪᠤᠯᠭᠠᠨ᠂ ᠮᠠᠯ ᠠᠵᠦ ᠠᠬᠤᠢ ᠶᠢᠨ ᠦᠷᠭᠦᠯᠵᠢᠯᠡᠬᠦᠶᠢᠴᠡ ᠭᠦᠭᠵᠢᠯᠲᠡ ᠶᠢᠨ ᠴᠢᠳᠠᠪᠬᠢ ᠶᠢ  ᠴᠢᠷᠮᠠᠶᠢᠨ ᠲᠡᠭᠡᠭᠰᠢᠯᠡᠬᠦᠯᠦᠨ᠎ᠡ︔ ᠠᠵᠦ ᠠᠬᠤᠢ ᠎ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠵᠦ᠂ ᠡᠨᠧᠷᠬᠢ᠂ ᠪᠠᠷᠢᠯᠭ᠎ᠠ ᠶᠢᠨ ᠮᠠᠲ᠋ᠧᠷᠢᠶᠠᠯ᠂  ᠬᠦᠳᠡᠷ ᠰᠢᠯᠢᠨ ᠪᠤᠯᠪᠠᠰᠤᠷᠠᠭᠤᠯᠬᠤ ᠬᠢᠭᠡᠳ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠵᠡᠷᠭᠡ ᠲᠠᠪᠠᠭᠤᠯᠢᠭ ᠤᠨᠴᠠᠯᠢᠭᠲᠦ ᠠᠵᠦ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ︔ ᠲᠠᠯ᠎ᠠ ᠨᠤᠳᠤᠭ ᠤᠨ ᠰᠤᠶᠤᠯ  ᠎ ᠤᠨ ᠦᠢᠯᠡᠰ ᠢ  ᠵᠠᠯᠭᠠᠮᠵᠢᠯᠠᠨ ᠬᠦᠭᠵᠢᠬᠦᠯᠬᠦ ᠠᠴᠠ ᠭᠠᠷᠳᠠᠴᠠ ᠪᠤᠯᠭᠠᠨ᠂ ᠵᠤᠭᠠᠴᠠᠯ ᠦᠵᠡᠮᠵᠢ᠂ ᠰᠡᠯᠡᠬᠦᠴᠡᠯ ᠠᠮᠠᠷᠠᠯᠲᠠ ᠵᠡᠷᠭᠡ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠎ ᠤ ᠦᠢᠯᠡᠰ ᠢ ᠴᠢᠷᠮᠠᠶᠢᠨ  ᠬᠦᠭᠵᠢᠭᠦᠯᠦᠨ᠎ᠡ︔ ᠠᠷᠠᠳ ᠤᠨ ᠠᠮᠢᠳᠤᠷᠠᠯ ᠢ ᠪᠠᠳᠤᠯᠠᠨ‌‍ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠨ᠂ ᠨᠠᠶᠢᠭᠡᠮ ᠤᠨ ᠡᠶ᠎ᠡ ᠲᠤᠭᠳᠠᠭᠤᠨ ᠢ ᠴᠢᠷᠮᠠᠶᠢᠨ  ᠬᠠᠮᠠᠭᠠᠯᠠᠨ᠎ᠠ︔ ᠦᠭᠡᠷᠡᠴᠢᠯᠡᠯᠲᠡ ᠶᠢ  ᠭᠦᠨᠵᠡᠭᠡᠶᠢᠷᠡᠬᠦᠯᠬᠦ ᠪᠠᠷ  ᠬᠦᠳᠡᠯᠭᠡᠭᠴᠢ ᠬᠦᠴᠦᠨ ᠪᠤᠯᠭᠠᠵᠦ᠂ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠴᠢᠷᠮᠠᠶᠢᠨ ᠰᠡᠷᠬᠦᠭᠡᠨ᠎ᠡ︔ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ  ᠭᠦᠨᠵᠡᠭᠡᠶᠢᠷᠡᠬᠦᠯᠦᠨ ᠠᠬᠢᠭᠤᠯᠬᠤ ᠎ ᠪᠠᠷ ᠬᠠᠷᠠᠯᠲᠠ ᠪᠤᠯᠭᠠᠨ᠂ ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠪᠠᠨ ᠴᠢᠷᠮᠠᠶᠢᠨ ᠲᠦᠷᠭᠡᠳᠭᠡᠨ᠎ᠡ︔ ᠨᠠᠮ ᠎ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠪᠠᠳᠤᠯᠠᠭ᠎ᠠ ᠪᠤᠯᠭᠠᠨ᠂ ᠨᠠᠮ ᠤᠨ ᠪᠠᠶᠢᠭᠤᠯᠤᠯᠲᠠ ᠶᠢᠨ  ᠰᠢᠨᠵᠢᠯᠡᠬᠦ ᠤᠬᠠᠭᠠᠨᠴᠢ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠬᠦᠯᠦᠨ᠎ᠡ  ᠃     5. ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ᠄ ᠡᠨᠡ ᠨᠢ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠦ᠂ ᠦᠭᠡᠷᠡᠴᠢᠯᠡᠯᠲᠡ ᠶᠢᠨ ᠠᠷᠭ᠎ᠠ ᠠᠪᠴᠠᠯ ᠢᠶᠠᠷ ᠪᠦᠲᠦᠴᠡ ᠶᠢᠨ ᠲᠤᠬᠢᠷᠠᠭᠤᠯᠤᠯᠲᠠ ᠎ ᠶᠢ ᠠᠬᠢᠭᠤᠯᠵᠦ᠂ ᠬᠦᠴᠦᠨ ᠪᠦᠬᠦᠢ ᠬᠠᠩᠭᠠᠯᠭ᠎ᠠ ᠶᠢ ᠦᠷᠭᠡᠳᠭᠡᠨ᠂ ᠬᠠᠩᠭᠠᠯᠭ᠎ᠠ ᠶᠢᠨ ᠪᠦᠲᠦᠴᠡ ᠨᠢ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠳᠤ ᠵᠤᠬᠢᠴᠠᠬᠤ ᠴᠢᠨᠠᠷ ᠪᠠ ᠤᠶᠠᠨ ᠬᠠᠳᠠᠨ ᠴᠢᠨᠠᠷ ᠢ  ᠲᠡᠭᠡᠭᠰᠢᠯᠡᠬᠦᠯᠵᠦ᠂ ᠲᠠᠰᠤᠷᠠᠯᠲᠠ ᠦᠭᠡᠢ ᠰᠢᠨ᠎ᠡ ᠦᠢᠯᠡᠳᠬᠦᠨ ᠢ ᠡᠬᠦᠳᠴᠦ᠂ ᠦᠷᠭᠡᠨ ᠤᠯᠠᠨ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠵᠦ᠂ ᠠᠵᠦ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ 2015 ᠤᠨ ᠤ 12 ᠰᠠᠷ᠎ᠠ ᠶᠢᠨ 18᠎ ᠤ ᠡᠳᠦᠷ ᠠᠴᠠ 21᠎ ᠤ ᠡᠳᠦᠷ  ᠪᠤᠯᠳᠠᠯᠠᠬᠢ  ᠲᠦᠪ ᠎ ᠤᠨ ᠠᠵᠦ ᠠᠬᠤᠢ ᠶᠢᠨ ᠬᠤᠷᠠᠯ ᠢᠶᠠᠷ ᠲᠤᠷᠠᠳᠤᠨ ᠭᠠᠷᠭᠠᠭᠬᠰᠠᠨ ᠨᠢ᠂ ᠦᠨᠦ ᠵᠢᠯ ᠪᠤᠯ ᠬᠠᠩᠭᠠᠯᠭ᠎ᠠ ᠶᠢᠨ ᠪᠦᠲᠦᠴᠡ ᠎ ᠶᠢᠨ ᠴᠢᠨᠠᠷᠲᠠᠢ ᠦᠭᠡᠷᠡᠴᠢᠯᠡᠯᠲᠡ ᠶᠢᠨ ᠪᠠᠬᠢᠯᠡᠯᠡᠲᠡ ᠶᠢᠨ ᠵᠢᠯ ᠪᠤᠯᠤᠨ᠎ᠠ  ᠂ ᠭᠤᠤᠯ ᠡᠬᠦᠷᠭᠡ ᠪᠤᠯ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ᠂ ᠬᠠᠳᠠᠭᠠᠯᠠᠮᠵᠢ ᠪᠠ ᠬᠦᠰᠢᠭᠦᠷᠭᠡ ᠶᠢ᠂ ᠰᠢᠭᠰᠢᠭᠳᠡᠬᠦᠯᠬᠦ᠂  ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠭᠤᠳᠠᠯ ᠢᠶᠠᠨ ᠨᠦᠬᠦᠪᠦᠷᠢᠯᠡᠬᠦ ᠶᠢ ᠵᠢᠭᠠᠨ᠎ᠠ᠃     6.︽ ᠵᠢᠷᠭᠤᠭᠠᠨ ᠨᠠᠷᠢᠨ ᠤᠨᠤᠪᠴᠢᠲᠠᠢ︾᠄ ᠡᠨᠡ ᠨᠢ ᠶᠠᠳᠠᠭᠤ ᠶᠢ  ᠲᠡᠳᠬᠦᠬᠦ ᠨᠢᠭᠤᠷᠯᠠᠯ ᠨᠢ ᠨᠠᠷᠢᠨ ᠤᠨᠤᠪᠴᠢᠲᠠᠢ᠂ ᠡᠷᠦᠭᠡ ᠳᠤ ᠲᠤᠬᠢᠷᠠᠭᠤᠯᠤᠭᠰᠠᠨ ᠨᠢ ᠨᠠᠷᠢᠨ ᠤᠨᠤᠪᠴᠢᠲᠠᠢ᠂ ᠪᠡᠯᠡ ᠮᠦᠩᠭᠦᠨ ᠤ ᠬᠡᠷᠡᠭᠯᠡᠯᠲᠡ ᠨᠢ ᠨᠠᠷᠢᠨ ᠤᠨᠤᠪᠴᠢᠲᠠᠢ᠂ ᠭᠠᠴᠠᠭᠠᠨ ᠳᠤ ᠲᠤᠬᠢᠷᠠᠭᠤᠯᠵᠦ ᠬᠦᠮᠦᠨ ᠨᠠᠷᠢᠨ ᠤᠨᠤᠪᠴᠢᠲᠠᠢ᠂  ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠨᠢ ᠨᠠᠷᠢᠨ ᠤᠨᠤᠪᠴᠢᠲᠠᠢ ᠪᠠᠶᠢᠬᠤ ᠶᠢ ᠵᠢᠭᠠᠨ᠎ᠠ᠃     7. ︽ᠲᠠᠪᠤᠨ ᠨᠢᠭᠡ ᠪᠦᠯᠦᠭ︾ ᠪᠤᠯ ᠨᠢᠭᠡ ᠪᠦᠯᠦᠭ ᠬᠦᠮᠦᠰ ᠢ ᠦᠢᠯᠡᠳᠪᠦᠷᠢᠯᠡᠯ ᠢ ᠬᠦᠭᠵᠢᠭᠦᠯᠵᠦ ᠶᠠᠳᠠᠭᠤ ᠎ ᠠᠴᠠ ᠠᠩᠭᠢᠵᠢᠷᠠᠭᠤᠯᠬᠤ᠂ ᠨᠢᠭᠡ ᠪᠦᠯᠦᠭ  ᠬᠦᠮᠦᠰ ᠢ ᠨᠡᠭᠦᠯᠭᠡᠨ ᠰᠢᠯᠵᠢᠬᠦᠯᠵᠦ  ᠶᠠᠳᠠᠭᠤ  ᠎ ᠠᠴᠠ ᠠᠩᠭᠢᠵᠢᠷᠭᠤᠯᠬᠤ᠂ ᠨᠢᠭᠡ ᠪᠦᠯᠦᠭ ᠬᠦᠮᠦᠰ ᠢ ᠠᠮᠢ ᠠᠬᠤᠢ ᠶᠢᠨ ᠨᠦᠭᠦᠪᠦᠷᠢ ᠤᠯᠭᠤᠵᠦ ᠶᠠᠳᠠᠭᠤ ᠠᠴᠠ ᠠᠩᠭᠢᠵᠢᠷᠠᠭᠤᠯᠬᠤ᠂ ᠨᠢᠭᠡ ᠪᠦᠯᠦᠭ ᠬᠦᠮᠦᠰ ᠢ ᠰᠤᠷᠭᠠᠨ ᠬᠦᠮᠦᠵᠢᠭᠦᠯᠵᠦ ᠶᠠᠳᠠᠭᠤ ᠠᠴᠠ ᠠᠩᠭᠢᠵᠢᠷᠠᠭᠤᠯᠬᠤ᠂ ᠨᠢᠭᠡ ᠪᠦᠯᠦᠭ ᠬᠦᠮᠦᠰ ᠢ ᠨᠠᠶᠢᠭᠡᠮ ᠤᠨ ᠪᠠᠳᠤᠯᠭ᠎ᠠ ᠪᠠᠷ ᠶᠠᠳᠠᠭᠤ ᠠᠴᠠ ᠠᠩᠭᠢᠵᠢᠷᠠᠭᠤᠯᠬᠤ᠃     8. ︽ᠬᠤᠶᠠᠷ ᠰᠤᠷᠤᠯᠴᠠᠯᠭ᠎ᠠ᠂ ᠨᠢᠭᠡ ᠪᠤᠯᠬᠤ︾ ᠰᠤᠷᠭᠠᠨ ᠬᠦᠮᠦᠵᠢᠬᠦᠯᠬᠦ ᠬᠦᠳᠡᠯᠭᠡᠭᠡᠨ᠄ ᠨᠠᠮ ᠤᠨ ᠲᠦᠷᠢᠮ ᠪᠠ ᠰᠢᠷᠢᠰ ᠶᠠᠷᠢᠶ᠎ᠠ ᠶᠢ ᠰᠤᠷᠤᠯᠴᠠᠨ᠂ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号