ᠰᠢᠯᠤᠭᠤᠨ ᠬᠦᠪᠡᠭᠡᠳᠤ ᠴᠠᠭᠠᠨ ᠬᠤᠰᠢᠭᠤᠨ ᠤ 2015 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2016/8/26
     —— 2016 ᠤᠨ ᠤ 3 ᠰᠠᠷ᠎ᠠ ᠶᠢᠨ 9᠎ ᠤ ᠡᠳᠥᠷ ᠤᠨ ᠰᠢᠯᠤᠭᠤᠨ ᠬᠦᠪᠡᠭᠡᠳᠤ ᠴᠠᠭᠠᠨ ᠬᠤᠰᠢᠭᠤᠨ ᠎ ᠤ ᠠᠷᠪᠠᠨ ᠳᠦᠷᠪᠡᠳᠥᠭᠡᠷ  ᠬᠤᠭᠤᠴᠠᠭᠠᠨ ᠤ ᠠᠷᠠᠳ‌‍ᠣᠨ ᠳᠦᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠥᠭᠡᠷ ᠤᠳᠠᠭᠠᠨ ᠤ ᠬᠤᠷᠠᠯᠳᠤᠭᠠᠨ ᠳᠡᠭᠡᠷᠡᠭᠢ ᠶᠠᠷᠢᠶ᠎ᠠ                           ᠤᠷᠤᠯᠠᠭᠴᠢ ᠬᠤᠰᠢᠭᠤ ᠳᠠᠷᠤᠭ᠎ᠠ       ᠰᠤ᠋    ᠫᠧᠩᠳᠦᠯᠥᠭᠡᠯᠡᠭᠴᠢᠳ ᠡ᠄     ᠤᠳᠤ ᠪᠢ ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠥᠭᠡᠯᠡᠵᠤ᠂ ᠶᠡᠭᠡ ᠬᠤᠷᠠᠯ ᠲᠤ ᠠᠵᠢᠯ ᠢᠶᠠᠨ ᠬᠠᠷᠢᠭᠤ ᠮᠡᠳᠡᠭᠦᠯᠥᠶ᠎ᠡ᠂ ᠬᠢᠨᠠᠨ ᠵᠦᠪᠯᠡᠬᠦ ᠪᠤᠯᠪᠠᠤ᠂ ᠬᠤᠰᠢᠭᠤ ᠤᠯᠤᠰ ᠲᠦᠷᠥ ᠶᠢᠨ ᠵᠦᠪᠯᠡᠭᠡᠨ ᠤ ᠬᠡᠰᠢᠭᠦᠳ ᠪᠤᠯᠤᠨ ᠰᠤᠯᠠ ᠤᠷᠤᠯᠴᠠᠭ᠎ᠠ ᠨᠦᠭᠦᠳ ᠴᠦ ᠰᠠᠨᠠᠯ ᠢᠶᠠᠨ ᠳᠤᠷᠠᠳᠬᠤ ᠪᠤᠯᠪᠠᠤ᠃     ᠨᠢᠭᠡ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠭᠤᠤᠯ ᠠᠮᠵᠢᠯᠳᠠ ᠪᠤᠯᠤᠨ 2015 ᠤᠨ ᠤ ᠠᠵᠢᠯ ᠤᠨ ᠡᠷᠭᠢᠴᠡᠭᠦᠯᠥᠯ     ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠠᠷᠠᠳ ᠢᠶᠠᠨ ᠪᠠᠶᠠᠵᠢᠭᠤᠯᠵᠤ ᠬᠤᠰᠢᠭᠤ ᠪᠠᠨ ᠬᠦᠴᠥᠷᠭᠡᠭᠵᠢᠭᠦᠯᠬᠦ ᠠᠬᠢᠴᠠ ᠪᠠᠨ ᠲᠦᠷᠭᠡᠳᠬᠡᠵᠤ᠂ ᠴᠢᠨᠡᠭᠡᠯᠢᠭ ᠨᠡᠶᠢᠭᠡᠮ ᠤᠨ ᠪᠦᠳᠥᠭᠡᠨ ᠪᠠᠶᠢᠭᠤᠯᠤᠯᠳᠠ ᠶᠢ ᠲᠦᠷᠭᠡᠳᠭᠡᠭᠰᠡᠨ ᠮᠦᠷᠳᠡᠭᠡᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠤ ᠬᠦᠭᠵᠢᠯᠳᠠ ᠎ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠷᠭᠡᠳᠭᠡᠭᠰᠡᠨ ᠵᠠᠩᠭᠢᠯᠠᠭ᠎ᠠ ᠶᠢᠨ ᠬᠤᠭᠤᠴᠠᠭ᠎ᠠ ᠪᠤᠯᠬᠤ ᠶᠤᠮ᠃ ᠲᠠᠪᠤᠨ ᠵᠢᠯ ᠤᠨ ᠲᠤᠷᠰᠢᠳᠠ᠂ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠬᠤᠰᠢᠭᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠥ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠳᠤᠤᠷ᠎ᠠ᠂ ᠬᠤᠰᠢᠭᠤ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠠᠷᠠᠳ ᠳᠦᠮᠡᠨ ᠢ ᠪᠦᠯᠭᠦᠮᠳᠡᠭᠦᠯᠥᠨ ᠳᠠᠭᠠᠭᠤᠯᠵᠤ᠂ ᠠᠵᠠ ᠳᠤᠬᠢᠶᠠᠯ ᠢ ᠵᠠᠪᠳᠤᠨ᠂ ᠦᠨᠡᠨ ᠠᠴᠠ ᠵᠦᠪ ᠢ ᠡᠷᠢᠵᠤ᠂ ᠬᠦᠴᠢᠷ ᠪᠡᠷᠬᠡ ᠶᠢ ᠢᠯᠠᠨ ᠳᠠᠪᠠᠵᠤ᠂ ᠨᠢᠭᠡᠳᠥᠯᠳᠡᠢ ᠪᠠᠷ ᠲᠦᠯᠥᠪᠯᠡᠨ ᠲᠤᠭᠳᠠᠭᠤᠨ ᠢᠶᠠᠷ ᠨᠡᠮᠡᠭᠳᠡᠭᠦᠯᠵᠤ᠂ ᠦᠭᠡᠷᠡᠴᠢᠯᠡᠯᠲᠡ ᠶᠢ ᠠᠬᠢᠭᠤᠯᠵᠤ᠂ ᠪᠦᠳᠥᠴᠡ ᠶᠢ ᠳᠤᠬᠢᠷᠠᠭᠤᠯᠵᠤ᠂ ᠠᠷᠠᠳ ᠤᠨ ᠠᠮᠢᠳᠤᠷᠠᠯ ᠳᠤ ᠠᠰᠢᠭᠲᠠᠢ ᠡᠯ᠎ᠡ ᠵᠦᠢᠯ ᠤᠨ ᠠᠵᠢᠯ ᠢ ᠬᠢᠵᠤ᠂ ︽ᠠᠷᠪᠠᠨ ᠬᠤᠶᠠᠳᠤᠭᠠᠷ ᠳᠠᠪᠤᠨ ᠵᠢᠯ︾᠎ ᠤᠨ ᠲᠦᠯᠥᠪᠵᠢᠭᠦᠯᠭᠡ ᠳᠤ ᠳᠤᠭᠳᠠᠭᠠᠭᠰᠠᠨ ᠬᠠᠷᠠᠯᠳᠠ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠵᠤ᠂ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠳᠤᠪᠤᠶᠢᠮ᠎ᠠ ᠠᠮᠵᠢᠯᠳᠠ ᠶᠢ ᠤᠯᠵᠠᠢ᠃     — — ᠦᠩᠭᠡᠷᠡᠭᠰᠡᠨ ᠳᠠᠪᠤᠨ ᠵᠢᠯ ᠪᠤᠯ ᠶᠡᠷᠥᠩᠭᠡᠶᠢᠯᠡᠭᠰᠡᠨ ᠪᠤᠳᠠᠳᠤ ᠬᠦᠴᠤᠨ ᠬᠠᠮᠤᠭ ᠲᠦᠷᠭᠡᠨ ᠢᠶᠠᠷ ᠨᠡᠮᠡᠭᠳᠡᠵᠤ᠂ ᠠᠵᠤ ᠠᠬᠤᠢ ᠶᠢᠨ ᠦᠷ᠎ᠡ ᠠᠰᠢᠭ ᠮᠡᠳᠡᠭᠳᠡᠮ᠎ᠡ ᠨᠡᠮᠡᠭᠳᠡᠭᠰᠡᠨ ᠲᠠᠪᠤᠨ ᠵᠢᠯ ᠪᠤᠯᠤᠨ᠎ᠠ᠃ ᠤᠷᠤᠨ ᠨᠤᠳᠤᠭ ᠎ ᠤᠨ ᠦᠢᠯᠡᠳᠪᠦᠷᠢᠯᠡᠯ ᠤᠨ ᠶᠡᠷᠥᠩᠭᠡᠢ ᠦᠷᠳᠡᠭ 2010 ᠤᠨ ᠤ 17.2 ᠳ᠋ᠦᠩᠰᠢᠭᠤᠷ ᠲᠦᠭᠦᠷᠢᠭ ᠪᠠᠶᠢᠭᠰᠠᠨ ᠎ ᠠᠴᠠ 2015 ᠤᠨ ᠪᠤᠯᠬᠤ ᠳᠤ 31.1 ᠳ᠋ᠦᠩᠰᠢᠭᠤᠷ ᠲᠦᠭᠦᠷᠢᠭ ᠪᠤᠯᠳᠠᠯ᠎ᠠ ᠨᠡᠮᠡᠭᠳᠡᠵᠤ᠂ ᠵᠢᠯ ᠪᠦᠷᠢ ᠳᠤᠮᠳᠠᠴᠢ ᠎ ᠪᠠᠷ 12.5%᠎ ᠪᠠᠷ ᠨᠡᠮᠡᠭᠳᠡᠭᠰᠡᠨ ᠪᠠᠶᠢᠨ᠎ᠠ᠃ ᠤᠯᠠᠨ ᠨᠡᠶᠢᠳᠠ ᠶᠢᠨ ᠡᠳ᠋ ᠤᠨ ᠵᠠᠰᠠᠭ ᠤᠨ ᠳᠦᠰᠥᠪ ᠤᠨ ᠤᠷᠤᠯᠭ᠎ᠠ 0.38 ᠳ᠋ᠦᠩᠰᠢᠭᠤᠷ ᠲᠦᠭᠦᠷᠢᠭ ᠪᠠᠶᠢᠭᠰᠠᠨ ᠠᠴᠠ 1.23 ᠳ᠋ᠦᠩᠰᠢᠭᠤᠷ ᠲᠦᠭᠦᠷᠢᠭ ᠪᠤᠯᠳᠠᠯ᠎ᠠ ᠨᠡᠮᠡᠭᠳᠡᠵᠤ᠂ ᠵᠢᠯ ᠪᠦᠷᠢ ᠳᠤᠮᠳᠠᠴᠢ ᠪᠠᠷ 26.1%᠎ ᠪᠠᠷ ᠨᠡᠮᠡᠭᠳᠡᠭᠰᠡᠨ ᠪᠠᠶᠢᠨ᠎ᠠ᠃ ᠪᠦᠬᠦ ᠨᠠᠶᠢᠭᠡᠮ ᠤᠨ ᠳᠤᠭᠳᠠᠮᠠᠯ ᠬᠦᠷᠥᠩᠭᠡ ᠶᠢᠨ ᠪᠡᠯᠡ ᠤᠷᠤᠭᠤᠯᠤᠯᠳᠠ 13 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 23.4 ᠳ᠋ᠦᠩᠰᠢᠭᠤᠷ ᠲᠦᠭᠦᠷᠢᠭ ᠪᠤᠯᠵᠤ᠂ ᠨᠡᠶᠢᠳᠡ 95 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ ᠵᠢᠯ ᠪᠦᠷᠢ ᠳᠤᠮᠳᠠᠴᠢ ᠪᠠᠷ 12.5%᠎ ᠪᠠᠷ ᠨᠠᠮᠡᠭᠳᠡᠭᠰᠡᠨ ᠪᠠᠶᠢᠨ᠎ᠠ᠃ ᠪᠦᠬᠦ ᠨᠠᠶᠢᠭᠡᠮ ᠤᠨ ᠭᠡᠷᠡᠭᠯᠡᠭᠡᠨ ᠤ ᠵᠤᠶᠢᠯᠡᠰ ᠤᠨ ᠵᠢᠵᠢᠭᠯᠡᠨ ᠬᠤᠳᠠᠯᠳᠤᠭᠰᠠᠨ ᠶᠡᠷᠥᠩᠬᠡᠢ ᠦᠷᠳᠡᠭ 4.3 ᠳ᠋ᠦᠩᠰᠢᠭᠤᠷ ᠲᠦᠭᠦᠷᠢᠭ ᠠᠴᠠ ᠨᠡᠮᠡᠭᠳᠡᠨ 7.7 ᠳ᠋ᠦᠩᠰᠢᠭᠤᠷ ᠲᠦᠭᠦᠷᠢᠭ ᠲᠤ ᠬᠦᠷᠴᠤ᠂ ᠵᠢᠯ ᠳᠤᠮᠳᠠᠴᠢ ᠪᠠᠷ 12.4%᠎ ᠪᠠᠷ ᠨᠡᠮᠡᠭᠳᠡᠭᠰᠡᠨ ᠪᠠᠶᠢᠨ᠎ᠠ᠃ ᠭᠤᠤᠯ ᠪᠤᠯᠬᠤ ᠠᠵᠤ ᠠᠬᠤᠢ ᠶᠢᠨ ᠭᠦᠢᠴᠡᠳᠭᠡᠬᠦ ᠳᠤᠭᠠᠨ ᠤ ᠨᠡᠮᠡᠭᠳᠡᠯ ᠤᠨ ᠬᠤᠷᠳᠤᠴᠠ ᠴᠦᠮ ᠬᠤᠶᠠᠷ ᠤᠷᠤᠨᠳᠤ ᠳᠤᠭᠠᠨ ᠠᠴᠠ ᠲᠡᠭᠡᠭᠰᠢᠭᠢ ᠨᠡᠮᠡᠭᠳᠡᠯ ᠢ ᠪᠠᠳᠤᠯᠠᠵᠤ᠂ ᠪᠦᠬᠦ ᠤᠷᠤᠨ ᠪᠦᠬᠦ ᠠᠶᠢᠮᠠᠭ ᠤᠨ ᠳᠡᠭᠰᠢᠳᠬᠡᠭᠰᠡᠨ ᠲᠦᠪᠰᠢᠨ ᠠᠴᠠ ᠦᠨᠳᠥᠷ ᠪᠠᠶᠢᠵᠤ᠂ ᠶᠠᠷᠥᠩᠬᠡᠶᠢᠯᠡᠭᠰᠡᠨ ᠠᠵᠤ ᠠᠬᠤᠢ ᠶᠢᠨ ᠬᠦᠴᠤᠨ ᠢᠯᠡᠳᠳᠠ ᠳᠡᠭᠡᠭᠰᠢᠯᠡᠭᠰᠡᠨ ᠪᠠᠶᠢᠨ᠎ᠠ᠃     — — ᠦᠩᠭᠡᠷᠡᠭᠰᠡᠨ ᠳᠠᠪᠤᠨ ᠵᠢᠯ ᠪᠤᠯ ᠠᠵᠤ ᠦᠢᠯᠡᠳᠪᠦᠷᠢ ᠶᠢᠨ ᠪᠦᠳᠤᠴᠡ ᠤᠯᠠᠮ ᠨᠢᠭᠡ ᠠᠯᠬᠤᠮ ᠰᠢᠯᠢᠳᠡᠭᠵᠢᠵᠤ᠂ ᠬᠡᠯᠪᠡᠷᠢ ᠶᠢᠨ ᠬᠤᠪᠢᠷᠠᠭᠤᠯᠤᠯᠳᠠ ᠶᠢᠨ ᠲᠡᠰ ᠳᠡᠪᠰᠢᠯᠳᠠ ᠶᠢ ᠲᠠᠰᠤᠷᠠᠯᠳᠠ ᠦᠭᠡᠢ ᠲᠦᠷᠭᠡᠳᠬᠡᠭᠰᠡᠨ ᠲᠠᠪᠤᠨ ᠵᠢᠯ ᠪᠤᠯᠤᠨ᠎ᠠ᠃ ᠭᠤᠷᠪᠠᠨ ᠠᠵᠤ ᠦᠢᠯᠡᠰ ᠤᠨ ᠪᠦᠳᠥᠴᠡ ᠨᠢ 2010 ᠤᠨ ᠤ 19᠄ 51᠄ 30 ᠪᠠᠶᠢᠭᠰᠠᠨ ᠠᠴᠠ 2015 ᠤᠨ ᠤ 16᠄ 51᠄ 33 ᠪᠤᠯᠵᠤ ᠬᠤᠪᠢᠷᠠᠭᠰᠠᠨ ᠪᠠᠶᠢᠨ᠎ᠠ᠃ ᠪᠦᠬᠦ ᠬᠤᠰᠢᠭᠤᠨ ᠤ ᠠᠰ ᠲᠠᠭᠠᠨ ᠲᠤᠭᠠᠴᠠᠭ᠎ᠠ ᠬᠢᠭᠰᠡᠨ ᠪᠤᠯᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤᠰ ᠳᠤᠰ 66 ᠡᠷᠥᠬᠡ ᠪᠤᠯᠤᠨ 22 ᠡᠷᠥᠬᠡ ᠳᠤ ᠬᠦᠷᠥᠭᠰᠡᠨ ᠪᠠᠶᠢᠨ᠎ᠠ᠃ ᠭᠥᠸᠧ ᠳ᠋ᠢᠶᠠᠨ ᠴᠠᠬᠢᠯᠭᠠᠨ ᠬᠦᠴᠤᠨ᠂ ᠬᠤᠸᠠ ᠳ᠋ᠢᠶᠠᠨ ᠰᠢᠨ᠎ᠠ ᠡᠨᠧᠷᠭᠢ᠂ ᠢ ᠬᠤᠤ ᠠᠭᠤᠷᠬᠠᠢ ᠶᠢᠨ ᠦᠢᠯᠡᠰ᠂ ᠰᠢᠨᠵᠢᠶᠠᠩ ᠤᠨ ᠲᠧ ᠪᠢᠶᠠᠨ ᠳ᠋ᠢᠶᠠᠨ ᠭᠥᠩ᠂ ᠵᠢᠶᠠᠨ ᠠᠨ ᠴᠧᠩ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠢ ᠲᠠᠳᠠᠨ ᠤᠷᠤᠭᠤᠯᠤᠭᠰᠠᠨ ᠪᠠᠶᠢᠨ᠎ᠠ᠃ ᠮᠠᠯ ᠳᠠᠷᠢᠶᠠᠯᠠᠩ ᠤᠨ ᠪᠦᠳᠥᠭᠡᠭᠳᠡᠭᠦᠨ ᠢ ᠪᠤᠯᠪᠠᠰᠤᠷᠠᠭᠤᠯᠬᠤ᠂ ᠰᠢᠨ᠎ᠡ ᠡᠨᠧᠷᠭᠢ᠂ ᠮᠠᠰᠢᠨ ᠳᠤᠨᠤᠭ ᠦᠢᠯᠡᠳᠪᠦᠷᠢᠯᠡᠬᠦ᠂ ᠠᠭᠤᠷᠬᠠᠢ ᠰᠤᠩᠭᠤᠨ ᠨᠡᠭᠡᠭᠡᠬᠦ ᠵᠡᠷᠭᠡ ᠠᠵᠤ ᠦᠢᠯᠡᠳᠪᠦᠷᠢ ᠶᠢᠨ ᠠᠵᠤ ᠦᠢᠯᠡᠰ ᠤᠨ ᠪᠤᠷᠤ ᠲᠦᠯᠥᠪ ᠢ ᠠᠩᠬ᠎ᠠ ᠠᠯᠬᠤᠮ ᠪᠦᠷᠢᠯᠳᠥᠭᠦᠯᠥᠭᠰᠡᠨ ᠪᠠᠶᠢᠨ᠎ᠠ᠃ ᠮᠠᠯ ᠠᠵᠤ ᠠᠬᠤᠢ ᠲᠠᠷᠢᠶᠠᠯᠠᠩ ᠤᠨ ᠴᠢᠨᠠᠷᠵᠢᠯ ᠢ ᠳᠡᠭᠡᠭᠰᠢᠯᠡᠭᠦᠯᠵᠤ ᠦᠷ᠎ᠡ ᠠᠰᠢᠭ ᠢ ᠳᠡᠭᠡᠭᠰᠢᠯᠡᠭᠦᠯᠵᠤ᠂ ᠮᠠᠯᠵᠢᠯ ᠤᠨ ᠤᠨ ᠳᠤ ᠮᠡᠯ ᠤᠨ ᠳᠤᠭ᠎ᠠ ᠶᠢ 55.6 ᠲᠦᠮᠡ ᠤᠷᠴᠢᠮ ᠪᠠᠶᠢᠯᠭᠠᠵᠤ᠂ ᠲᠠᠷᠢᠶᠠᠨ ᠳᠠᠯᠠᠪᠠᠢ 25.8 ᠲᠦᠮᠡᠨ ᠮᠦ ᠳᠤ ᠳᠤᠭᠳᠠᠪᠤᠷᠢᠵᠢᠭᠰᠠᠨ ᠪᠠᠶᠢᠨ᠎ᠠ᠃ ᠮᠧᠩ ᠱᠧᠩ ᠮᠢᠬᠠᠨ ᠤ ᠤᠶᠢᠯᠡᠰ᠂ ᠱᠦᠨ ᠲᠧᠩ ᠨᠤᠤᠰᠤ ᠨᠤᠤᠯᠤᠷ᠂ ᠠᠩᠭᠢᠯᠤᠮ᠎ᠠ ᠴᠠᠭᠠᠨ ᠢᠳᠡᠭᠡ ᠪᠣᠯᠪᠰᠤᠷᠠᠭᠤᠯᠬᠤ ᠵᠡᠷᠭᠡ 20 ᠮᠠᠯ ᠲᠡᠷᠢᠶᠠᠯᠠᠩ ᠤᠨ ᠠᠵᠤ ᠦᠢᠯᠡᠰᠵᠢᠭᠰᠡᠨ ᠠᠵᠤ ᠠᠬᠤᠶᠢᠯᠠᠯ ᠢ ᠳᠡᠳᠭᠦᠨ ᠪᠤᠶᠢᠵᠢᠭᠤᠯᠵᠠᠢ᠃ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠦᠳᠳᠡᠷ ᠲᠦᠷᠭᠡᠨ ᠬᠦᠭᠵᠢᠵᠤ᠂ ᠮᠦᠡᠭᠭᠦᠨ ᠬᠦᠢᠯᠭᠡᠭᠡ᠂ ᠲᠠᠭᠠᠳᠬᠠᠯ᠂ ᠠᠷᠡᠯᠵᠢᠶ᠎ᠠ ᠬᠤᠳᠠᠯᠳᠤᠭ᠎ᠠ᠂ ᠵᠤᠭᠠᠴᠠᠯ᠂ ᠢᠳᠡᠭᠡᠨ ᠤᠮᠳᠠᠭᠠᠨ᠂ ᠪᠠᠭᠤᠳᠠᠯ ᠤᠨ ᠦᠢᠯᠡᠰ ᠲᠤᠭᠳᠠᠭᠤᠨ ᠎ ᠢᠶᠠᠷ ᠬᠦᠭᠵᠢᠵᠦ᠂ ᠡᠯᠧᠺᠲᠷᠦᠨ ᠬᠤᠳᠠᠯᠳᠤᠭᠠᠨ ᠤ ᠶᠠᠪᠤᠳᠡᠯ᠂ ᠲᠦᠷᠭᠡᠨ ᠲᠠᠮᠵᠢᠭᠤᠯᠭ᠎ᠠ᠂ ᠪᠠᠷᠠᠭᠠᠨ ᠤ ᠬᠦᠢᠯᠭᠡᠭᠡ ᠵᠡᠷᠭᠡ ᠦᠢᠯᠡᠰ ᠰᠢᠨ᠎ᠡ ᠰᠢᠪᠳᠤᠯᠤᠯᠳᠠ ᠲᠠᠢ ᠪᠤᠯᠵᠦ᠂ ᠡᠷᠡᠭᠦᠯ ᠴᠢᠬᠢᠷᠠᠭ ᠠᠰᠠᠷᠠᠮᠵᠢ᠂ ᠠᠳᠠᠯ ᠠᠬᠤᠢ ᠶᠢᠨ ᠬᠠᠮᠢᠶᠠᠷᠤᠯᠳᠠ ᠶᠢᠨ ᠦᠢᠯᠡᠰ ᠡᠬᠢᠯᠡᠯᠳᠡ ᠲᠠᠢ ᠪᠤᠯᠵᠦ᠂ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ ᠲᠦᠪᠰᠢᠨ ᠳᠡᠭᠡᠭᠰᠢᠯᠡᠵᠤ᠂ ᠠᠮᠢᠵᠢᠷᠠᠯ ᠤᠨ ᠬᠦᠴᠦᠨ ᠲᠠᠬᠢᠨ ᠢᠶᠠᠷ ᠨᠡᠮᠡᠭᠳᠡᠭᠦ ᠱᠠᠳᠦᠨ ᠳᠤ ᠤᠷᠤᠭᠰᠠᠨ ᠪᠠᠶᠢᠨ᠎ᠡ᠃ 2015 ᠤᠨ ᠳᠤ ᠵᠤᠭᠠᠴᠠᠯ ᠤᠨ ᠦᠢᠯᠡᠰ ᠨᠢ 18 ᠲᠦᠮᠡᠨ ᠬᠦᠮᠦᠨ ᠤᠳᠠᠭᠠᠨ ᠤ ᠵᠤᠭᠠᠴᠠᠭᠴᠢ ᠶᠢ ᠬᠦᠯᠢᠶᠡᠨ ᠲᠤᠰᠴᠤ᠂ ᠵᠤᠭᠠᠴᠠᠯ ᠤᠨ ᠤᠷᠤᠯᠭ᠎ᠠ 3.5 ᠳ᠋ᠦᠩᠰᠢᠭᠤᠷ ᠲᠦᠭᠦᠷᠢᠭ ᠢ ᠪᠡᠶᠡᠯᠡᠭᠦᠯᠦᠭᠰᠡᠨ ᠪᠠᠶᠢᠨ᠎ᠡ᠃ ᠡᠨᠡ ᠨᠢ ᠲᠤᠰ ᠲᠤᠰ 2010 ᠤᠨ ᠤ 1.43 ᠲᠡᠬᠢᠨ ᠪᠤᠯᠤᠨ 7.29 ᠲᠠᠬᠢᠨ ᠪᠤᠯᠵᠠᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠷᠤᠨ ᠨᠤᠳᠤᠭ ᠤᠨ ᠠᠵᠤ ᠠᠬᠤᠢ ᠶᠢ ᠳᠡᠮᠵᠢᠬᠦ ᠬᠦᠴᠤᠯᠡᠴᠡ ᠢᠯᠡᠳᠳᠠ ᠨᠡᠮᠡᠭᠳᠡᠵᠤ᠂ ᠪᠦᠬᠦ ᠬᠤᠰᠢᠭᠤᠨ ᠤ ᠡᠯ᠎ᠡ ᠲᠦᠷᠥᠯ ᠤᠨ ᠬᠠᠳᠠᠭᠠᠯᠠᠮᠵᠢ ᠶᠢᠨ ᠦᠯᠡᠳᠡᠪᠥᠷᠢ 18.2 ᠳ᠋ᠦᠩᠰᠢᠭᠤᠷ ᠲᠦᠭᠦᠷᠢᠭ ᠲᠤ ᠬᠦᠷᠴᠤ ᠂ ᠡᠯ᠎ᠡ ᠲᠦᠷᠥᠯ ᠤᠨ ᠵᠢᠭᠡᠯᠡᠯᠭᠡ ᠶᠢᠨ ᠦᠯᠡᠳᠡᠪᠥᠷᠢ 12.4 ᠳ᠋ᠦᠩᠰᠢᠭᠤᠷ ᠲᠦᠭᠦᠷᠢᠭ ᠲᠤ ᠬᠦᠷᠴᠤ᠂ ᠲᠤᠰ ᠲᠤᠰ 2010 ᠤᠨ ᠤ 1.95 ᠲᠠᠬᠢᠨ ᠪᠠ 1.93 ᠲᠠᠬᠢᠨ ᠪᠤᠯᠪᠠ᠃     — — ᠦᠩᠭᠡᠷᠡᠭᠰᠡᠨ ᠳᠠᠪᠤᠨ ᠵᠢᠯ ᠪᠤᠯ ᠠᠷᠠᠳ ᠤᠨ ᠠᠮᠢᠳᠦᠷᠠᠯ ᠤᠨ ᠲᠡᠯ᠎ᠠ ᠶᠢᠨ ᠤᠷᠤᠭᠤᠯᠤᠯᠳᠠ ᠬᠠᠮᠤᠭ ᠶᠡᠭᠡ᠂ ᠤᠯᠠᠨ ᠲᠦᠮᠡᠨ ᠬᠠᠮᠤᠭ ᠤᠯᠠᠨ ᠠᠰᠢᠭ ᠲᠤᠰᠠ ᠭᠦᠷᠳᠡᠭᠰᠡᠨ ᠳᠠᠪᠤᠨ ᠵᠢᠯ ᠪᠤᠯᠤᠨ᠎ᠠ᠃ ᠠᠷᠠᠳ ᠤᠨ ᠠᠮᠢᠳᠦᠷᠡᠯ ᠪᠤᠯᠤᠨ ᠨᠡᠶᠢᠭᠡᠮ ᠤᠨ ᠪᠠᠲᠤᠯᠠᠭᠠᠨ ᠤ ᠲᠠᠯ᠎ᠠ ᠳᠠᠬᠢ ᠵᠠᠷᠤᠯᠭ᠎ᠠ 36.7 ᠳ᠋ᠦᠩᠰᠢᠭᠤᠷ ᠲᠦᠭᠦᠷᠢᠭ ᠲᠤ ᠬᠦᠷᠴᠦ᠂ ᠡᠳ᠋ ᠤᠨ ᠵᠠᠰᠠᠭ ᠤᠨ ᠵᠠᠷᠤᠯᠭ᠎ᠠ ᠶᠢᠨ 85.1%᠎ ᠶᠢ ᠡᠵᠡᠯᠡᠵᠠᠢ᠃ ᠰᠢᠨᠵᠢᠯᠡᠬᠦ ᠤᠬᠠᠭᠠᠨ᠂ ᠰᠤᠷᠭᠠᠨ ᠬᠦᠮᠥᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠰᠤᠶᠤᠯ ᠲᠠᠮᠢᠷ ᠤᠨ ᠦᠢᠯᠡᠰ ᠪᠦᠬᠦ ᠲᠠᠯ᠎ᠠ ᠪᠠᠷ ᠬᠦᠭᠵᠢᠵᠤ᠂ ᠨᠡᠶᠢᠭᠡᠮ ᠤᠨ ᠪᠠᠳᠤᠯᠠᠭ᠎ᠠ ᠪᠤᠯᠤᠨ ᠠᠪᠤᠷᠠᠨ ᠲᠡᠳᠭᠦᠬᠦ ᠰᠧᠰᠲ᠋ᠧᠮ ᠤᠯᠠᠮ ᠳᠡᠭᠦᠯᠳᠡᠷᠵᠢᠪᠡ᠃ ᠬᠤᠳᠡ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠲᠡᠭᠡᠭᠰᠢᠳᠭᠡᠭᠰᠡᠨ ᠡᠵᠡᠮᠰᠢᠵᠦ ᠪᠤᠯᠬᠤ ᠤᠷᠤᠯᠭ᠎ᠠ 27364 ᠲᠦᠭᠦᠷᠢᠭ ᠪᠤᠯᠤᠨ 8244 ᠲᠦᠭᠦᠷᠢᠭ ᠲᠤ ᠬᠦᠷᠴᠦ᠂ ᠵᠢᠯ ᠳᠤᠮᠳᠠᠴᠢ ᠪᠠᠷ 13.5% ᠪᠤᠯᠤᠨ 10.9%᠎ ᠪᠠᠷ ᠨᠡᠮᠡᠭᠳᠡᠭᠰᠡᠨ ᠪᠠᠶᠢᠨ᠎ᠡ᠃ 4626 ᠬᠤᠳᠡ ᠪᠠᠯᠭᠠᠰᠦᠨ ᠤ ᠠᠷᠠᠳ ᠲᠤ ᠰᠢᠨ᠎ᠡ ᠪᠠᠷ ᠠᠵᠢᠯ ᠤᠯᠭᠤᠵᠦ᠂ ᠬᠤᠳᠠ ᠪᠠᠯᠭᠠᠰᠦᠨ ᠤ ᠠᠵᠢᠯ ᠠᠯᠳᠠᠯᠳᠠ ᠶᠢᠨ ᠨᠤᠷᠮ᠎ᠡ ᠶᠢ 3.6%᠎ ᠶᠢᠨ ᠲᠤᠳᠤᠷ᠎ᠡ ᠬᠢᠵᠠᠭᠠᠷᠯᠡᠨ᠂ ᠮᠠᠯᠵᠢᠬᠤ ᠲᠠᠷᠢᠶᠠᠯᠠᠬᠤ ᠤᠷᠤᠨ ᠤ 2.7 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠵᠡᠢ᠃     — — ᠦᠩᠭᠡᠷᠡᠭᠰᠡᠨ ᠳᠠᠪᠤᠨ ᠵᠢᠯ ᠪᠤᠯ ᠬᠤᠳᠠ ᠬᠦᠳᠡᠭᠡ ᠶᠢᠨ ᠲᠦᠷᠢ ᠳᠦᠷᠬᠦ ᠢᠯᠡᠳᠳᠠ ᠬᠤᠪᠢᠷᠠᠯᠳᠠ ᠎ ᠲᠠᠢ ᠪᠤᠯᠵᠤ᠂ ᠰᠠᠭᠤᠷᠰᠢᠬᠤ ᠤᠷᠴᠢᠨ ᠦᠷᠭᠦᠯᠵᠢᠯᠡᠨ ᠰᠠᠶᠢᠵᠢᠷᠠᠭᠰᠠᠨ ᠳᠠᠪᠤᠨ ᠵᠢᠯ ᠪᠤᠯᠤᠨ᠎ᠠ᠃ ᠨᠡᠶᠢᠳᠡ 9.93 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠦ᠂ ᠤᠰᠤ᠂ ᠴᠠᠬᠢᠯᠭᠠᠨ᠂ ᠵᠠᠮ᠂ ᠨᠤᠭᠤᠭᠠᠷᠠᠭᠤᠯᠤᠯᠳᠠ᠂ ᠭᠡᠷᠡᠯᠲᠦᠭᠦᠯᠭᠡ ᠵᠡᠷᠭᠡ ᠬᠤᠳᠠ ᠬᠦᠳᠡᠭᠡ ᠶᠢᠨ ᠰᠠᠭᠤᠷᠢ ᠲᠦᠬᠦᠭᠡᠷᠥᠮᠵᠢ ᠤᠨ ᠢᠨᠵᠧᠨᠧᠷᠢᠩ ᠢ ᠦᠷᠨᠢᠭᠦᠯᠵᠠᠢ᠃ 3.37 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠦ᠂ 675.4 ᠺᠢᠯᠤᠮᠧᠲᠷ ᠤᠨ ᠵᠠᠰᠠᠮᠠᠯ ᠵᠠᠮ ᠢ ᠰᠢᠨ᠎ᠡ ᠪᠠᠷ ᠵᠠᠰᠠᠵᠦ᠂ ᠰᠤᠮᠤ ᠪᠠᠯᠭᠠᠰᠦ ᠪᠤᠯᠤᠨ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠤ ᠵᠠᠰᠠᠮᠠᠯ ᠵᠠᠮ ᠤᠨ ᠰᠠᠭᠠᠳ ᠦᠭᠡᠢ ᠨᠡᠪᠳᠡᠷᠡᠬᠦ ᠨᠤᠷᠮ᠎ᠡ ᠲᠤᠰᠪᠤᠷᠢ 100% ᠪᠤᠯᠤᠨ 88.3%᠎ ᠳᠤ ᠬᠦᠷᠥᠭᠰᠡᠨ ᠪᠠᠶᠢᠨ᠎ᠠ᠃ 2.81 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠤᠨ᠂ 11 ᠰᠠᠭᠤᠷᠢ ᠬᠦᠴᠦᠳᠡᠯ ᠦᠭᠡᠷᠡᠴᠢᠯᠡᠬᠦ ᠦᠷᠳᠡᠭᠡ ᠶᠢ ᠰᠢᠨ᠎ᠠ ᠪᠠᠷ ᠪᠤᠶᠤ ᠦᠭᠡᠷᠡᠴᠢᠯᠡᠨ ᠪᠠᠶᠢᠭᠤᠯᠵᠤ᠂ 850 ᠮᠠᠯᠴᠢᠨ ᠡᠷᠤᠭᠡ ᠳᠤ ᠪᠠᠶᠢᠩᠭᠤ ᠶᠢᠨ ᠴᠡᠬᠢᠯᠭᠠᠨ ᠨᠡᠪᠳᠡᠷᠡᠭᠦᠯᠵᠠᠢ᠃ 5251 ᠲᠦᠮᠡᠨ ᠲᠦᠭᠦᠷᠢᠭ ᠤᠨ ᠪᠡᠯᠨ ᠤᠷᠤᠭᠤᠯᠵᠤ᠂ 1760 ᠤᠰᠦᠨ ᠤ ᠡᠬᠢ ᠰᠤᠷᠪᠤᠯᠵᠢ ᠶᠢ ᠰᠢᠨ᠎ᠠ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ 6101 ᠬᠦᠮᠦᠨ ᠠᠮᠨ ᠪᠤᠯᠤᠨ 15.85 ᠲᠦᠮᠡᠨ ᠮᠠᠯ  ᠤᠨᠤᠭ᠎ᠠ ᠶᠢᠨ ᠠᠮᠥᠷ ᠲᠦᠪᠰᠢᠨ ᠤᠰᠦᠨ ᠤ ᠠᠰᠠᠭᠤᠳᠡᠯ ᠢ ᠰᠢᠢᠳᠪᠦᠷᠢᠯᠡᠵᠠᠢ᠃ 3.22 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠤ᠂ 11 ᠵᠤᠷᠪᠤᠰ ᠵᠡᠭᠡᠯᠢ ᠭᠤᠳᠤᠮᠵᠢᠨ ᠤ ᠵᠠᠮ ᠢ ᠰᠢᠨ᠎ᠡ ᠪᠠᠷ ᠪᠠᠶᠢᠭᠤᠯᠤᠭᠰᠠᠨ ᠪᠤᠶᠤ ᠦᠭᠡᠷᠡᠴᠢᠯᠡᠨ ᠪᠠᠶᠢᠭᠤᠯᠵᠤ᠂ ᠬᠤᠳᠠ ᠶᠢᠨ ᠨᠤᠭᠤᠭᠠᠷᠠᠭᠤᠯᠤᠯᠳᠠ ᠶᠢᠨ ᠲᠠᠯᠠᠪᠠᠢ ᠶᠢ 25 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠭᠦᠯᠵᠤ᠂ ᠡᠳᠦᠷ ᠲᠤ 1 ᠲᠦᠮᠡᠨ ᠲᠤᠨ ᠤ ᠪᠤᠵᠠᠷ ᠤᠰᠦ ᠶᠢ ᠰᠶᠢᠳᠪᠤᠷᠢᠯᠡᠬᠦ ᠴᠢᠳᠡᠯ ᠪᠦᠭᠦᠢ ᠦᠢᠯᠡᠳᠪᠤᠷᠢ ᠪᠤᠯᠤᠨ ᠡᠳᠥᠷ ᠲᠤ 50 ᠲᠤᠨ ᠤ ᠠᠮᠢᠳᠦᠷᠡᠯ ᠤᠨ ᠬᠤᠭ ᠨᠤᠪᠰᠢ ᠶᠢ ᠬᠤᠤᠷᠳᠠᠭᠤᠯᠤᠯ ᠦᠭᠡᠢ ᠰᠶᠢᠳᠪᠤᠷᠢᠯᠡᠬᠦ ᠴᠢᠳᠡᠯ ᠪᠦᠭᠦᠢ ᠲᠠᠯᠠᠪᠤᠷ ᠢ ᠪᠠᠶᠢᠭᠤᠯᠵᠣ᠂ ᠲᠦᠪᠯᠡᠷᠡᠭᠦᠯᠦᠨ ᠲᠤᠯᠠᠭᠠᠯᠠᠭ᠎ᠠ ᠬᠠᠩᠭᠠᠬᠤ ᠲᠦᠭᠦᠭᠡᠷᠦᠮᠵᠢ ᠶᠢ ᠶᠡᠭᠡᠪᠡᠷ ᠬᠠᠯᠠᠡ ᠰᠡᠶᠢᠵᠢᠷᠠᠭᠤᠯᠵᠦ᠂ ᠲᠤᠯᠠᠭᠠᠯᠠᠭ᠎ᠠ ᠬᠠᠩᠭᠠᠬᠤ ᠶᠡᠷᠤᠩᠬᠡᠢ ᠲᠠᠯᠠᠪᠠᠢ ᠶᠢ 96.5 ᠲᠦᠮᠡᠨ ᠳᠡᠭᠰᠢ ᠲᠦᠷᠪᠡᠯᠵᠢᠨ ᠮᠧᠲᠷ ᠲᠤ ᠬᠦᠷᠭᠡᠨ᠂ ᠲᠤᠯᠠᠭᠠᠯᠠᠭ᠎ᠠ ᠶᠢᠨ ᠪᠠᠷᠢᠮᠵᠢᠶ᠎ᠡ ᠳᠤ ᠬᠦᠷᠦᠭᠰᠡᠨ ᠨᠤᠷᠮ᠎ᠡ 99%᠎ ᠳᠤ ᠬᠦᠷᠪᠠ᠃ ᠮᠢᠩᠭᠠᠳᠦ ᠪᠠᠯᠭᠠᠰᠦᠨ ᠤ ᠤᠰᠤ ᠲᠠᠳᠠᠬᠤ ᠵᠢᠴᠢ ᠤᠰᠦᠨ ᠤ ᠦᠢᠯᠡᠳᠪᠤᠷᠢ ᠪᠠᠶᠢᠭᠤᠯᠬᠤ ᠢᠨᠵᠧᠨᠧᠷᠢᠩ ᠢ ᠡᠬᠢᠯᠡᠭᠦᠯᠵᠡᠢ᠃ ᠬᠤᠳᠡ ᠪᠠᠯᠭᠠᠰᠦᠨ ᠤ ᠤᠷᠳᠦ ᠬᠤᠭᠤᠴᠠᠭᠠᠨ ᠤ ᠦᠷ᠎ᠡ ᠪᠦᠳᠦᠮᠵᠢᠳᠦ ᠬᠠᠮᠢᠶᠠᠷᠤᠯᠳᠠ ᠶᠢᠨ ᠲᠤᠭᠲᠠᠴᠠ ᠶᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ ᠨᠠᠷᠢᠯᠢᠭ ᠬᠠᠮᠢᠶᠠᠷᠥᠯᠳᠠ ᠶᠢᠨ ᠬᠢᠷᠢ ᠲᠦᠪᠰᠢᠨ ᠳᠡᠭᠡᠭᠰᠢᠯᠡᠭᠦᠯᠵᠡᠢ᠃     — — ᠦᠩᠭᠡᠷᠡᠭᠰᠡᠨ ᠳᠠᠪᠤᠨ ᠵᠢᠯ ᠪᠤᠯ ᠠᠮᠢ ᠠᠬᠤᠢ ᠶᠢᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠶᠢᠨ ᠤᠷᠴᠢᠨ ᠳᠤᠭᠤᠷᠢᠨ ᠮᠡᠳᠡᠭᠳᠡᠮ᠎ᠠ ᠰᠠᠶᠢᠵᠢᠷᠠᠭᠰᠠᠨ ᠳᠠᠪᠤᠨ ᠵᠢᠯ ᠪᠤᠯᠤᠨ᠎ᠠ᠃ ᠨᠠᠶᠢᠳᠠ 3.9 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠤᠯᠳᠠ ᠬᠢᠵᠦ᠂ 843 ᠲᠦᠮᠡᠨ ᠮᠦ ᠭᠠᠵᠠᠷ ᠲᠤ ᠳᠠᠯ᠎ᠠ ᠨᠤᠳᠤᠭ ᠤᠨ ᠠᠮᠢ ᠠᠬᠤᠢ ᠶᠢᠨ ᠱᠠᠩᠨᠠᠨ ᠨᠦᠬᠦᠪᠦᠷᠢᠯᠡᠬᠦ ᠳᠦᠷᠢᠮ ᠢ ᠭᠡᠷᠡᠭᠵᠢᠭᠦᠯᠵᠠᠢ᠃ 1.14 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠤᠯᠳᠠ ᠬᠢᠵᠦ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ 91.4 ᠲᠦᠮᠡᠨ ᠮᠤ᠋ ᠭᠠᠵᠠᠷ᠂ 7.61 ᠲᠦᠮᠡᠨ ᠮᠤ᠋ ᠶᠢᠨ ᠤᠷᠤᠰᠬᠠᠯ ᠤᠨ ᠰᠠᠪᠠ ᠭᠠᠵᠠᠷ ᠤᠨ ᠠᠮᠢ ᠠᠬᠤᠢ ᠶᠢ ᠰᠡᠶᠢᠵᠢᠷᠠᠭᠤᠯᠵᠡᠢ᠃ 155.73 ᠲᠦᠮᠡᠨ ᠮᠤ᠋ ᠭᠠᠵᠠᠷ ᠲᠤ ᠤᠢ ᠰᠢᠭᠤᠢ ᠶᠢᠨ ᠨᠦᠬᠦᠪᠤᠷᠢ ᠶᠢᠨ ᠲᠦᠷᠢᠮ ᠢ ᠨᠠᠶᠢᠳᠠᠪᠥᠷᠢᠵᠢᠭᠤᠯᠵᠠᠢ᠃ ᠨᠡᠶᠢᠳᠡ ᠶᠢᠨ ᠦᠮᠴᠢᠯᠡᠯᠳᠦ ᠤᠢ ᠰᠢᠭᠤᠢ ᠶᠢᠨ ᠦᠮᠴᠢᠯᠡᠬᠦ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠨᠠᠶᠢᠳᠠᠪᠤᠷᠵᠢᠭᠤᠯᠤᠭᠰᠠᠨ ᠭᠠᠵᠠᠷ ᠤᠷᠤᠨ ᠤ ᠭᠡᠪᠴᠢᠶ᠎ᠡ ᠨᠢ 451.2 ᠲᠦᠮᠡᠨ ᠮᠤ᠋ ᠳᠤ ᠬᠦᠷᠴᠤ᠂ 4.25 ᠲᠦᠮᠡᠨ ᠮᠤ᠋ ᠭᠠᠵᠠᠷ ᠲᠤ ᠲᠠᠷᠢᠶᠠᠯᠠᠬᠤ ᠶᠢ ᠵᠤᠭᠰᠤᠭᠠᠵᠦ ᠦᠢᠵᠢᠭᠤᠯᠤᠨ ᠬᠦᠷᠦᠰᠦᠵᠢᠭᠦᠯᠬᠦ ᠠᠵᠢᠯ ᠢ ᠪᠡᠶᠡᠯᠡᠭᠦᠯᠵᠠᠢ᠃ ︽ᠠᠷᠪᠡᠨ ᠬᠤᠶᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠳᠤ ᠲᠤᠭᠳᠠᠭᠠᠭᠰᠠᠨ ᠡᠨᠧᠷᠬᠢ ᠶᠢ ᠠᠷᠪᠢᠯᠡᠵᠦ ᠪᠤᠬᠢᠷᠳᠦᠯ ᠢ ᠪᠠᠭᠠᠰᠬᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠂ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠤᠷᠤᠯᠭ᠎ᠠ ᠶᠢᠨ ᠲᠦᠮᠡᠨ ᠲᠦᠭᠦᠷᠢᠭ ᠲᠤ ᠵᠠᠷᠤᠴᠠᠭᠤᠯᠬᠤ ᠡᠨᠧᠷᠬᠢ ᠶᠢᠨ ᠬᠤᠷᠤᠭᠳᠠᠯ ᠨᠢ 1.0015 ᠲᠤᠨ ᠪᠠᠷᠢᠮᠵᠢᠶ᠎ᠡ ᠨᠡᠭᠦᠷᠡᠰᠦ ᠪᠤᠯᠭᠠᠵᠤ᠂ 19.37% ᠎ ᠪᠠᠷ ᠪᠠᠭᠤᠷᠠᠨ᠂ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠲᠤ ᠵᠠᠷᠤᠴᠠᠭᠤᠯᠬᠤ ᠤᠰᠦᠨ ᠤ ᠬᠡᠮᠵᠢᠶ᠎ᠡ ᠪᠤᠯᠤᠨ ᠭᠤᠤᠯ ᠪᠤᠯᠬᠤ ᠪᠤᠬᠢᠷᠳᠦᠯ ᠪᠤᠳᠡᠰ ᠢ ᠢᠯᠭᠠᠷᠠᠭᠤᠯᠬᠤ ᠬᠡᠮᠵᠢᠶ᠎ᠡ ᠵᠡᠷᠭᠡ ᠵᠢᠭᠠᠯᠳᠠ ᠲᠤᠭ᠎ᠠ ᠨᠢ ᠪᠦᠷ ᠬᠢᠵᠠᠭᠠᠷᠯᠠᠬᠤ ᠬᠠᠷᠠᠯᠳᠠ ᠶᠢ ᠪᠡᠶᠡᠯᠡᠭᠦᠯᠵᠦ᠂ ᠡᠬᠢ ᠪᠠᠶᠡᠯᠢᠭ᠋ ᠢ ᠠᠷᠪᠢᠯᠠᠬᠤ ᠬᠡᠯᠪᠡᠷᠢᠳᠠᠢ᠂ ᠤᠷᠴᠢᠨ ᠳᠤᠭᠤᠷᠢᠨ ᠨᠦᠭᠦᠷᠰᠡᠭ ᠬᠡᠯᠪᠡᠷᠢ ᠪᠦᠬᠦᠢ ᠨᠡᠶᠢᠭᠡᠮ ᠲᠡᠰᠢ ᠴᠢᠬᠤᠯᠨ ᠨᠢᠭᠡ ᠠᠯᠬᠤᠮ ᠢ ᠠᠯᠬᠤᠪᠠ᠃     — — ᠦᠩᠭᠡᠷᠡᠭᠰᠡᠨ ᠲᠠᠪᠤᠨ ᠵᠢᠯ ᠪᠤᠯ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ᠂ ᠬᠠᠤᠯᠢ ᠪᠠᠷ ᠡᠭᠦᠷᠭᠡ ᠲᠤᠰᠢᠶᠠᠯ ᠢᠶᠠᠨ ᠭᠦᠢᠴᠡᠳᠭᠡᠭᠦ ᠴᠢᠳᠠᠪᠥᠷᠢ ᠢᠯᠡᠳᠳᠠ ᠳᠡᠭᠡᠭᠰᠢᠯᠡᠭᠰᠡᠨ ᠳᠠᠪᠤᠨ ᠵᠢᠯ ᠪᠤᠯᠤᠨ᠎ᠠ᠃ ᠬᠠᠤᠯᠢ ᠶᠤᠰᠤᠭᠠᠷ ᠵᠠᠰᠠᠭ ᠶᠠᠪᠥᠭᠤᠯᠬᠤ ᠶᠢ ᠢᠮᠠᠭᠳᠠ ᠪᠠᠷᠢᠮᠳᠠᠯᠠᠵᠤ᠂ ᠵᠠᠰᠠᠭ ᠤᠨ ᠡᠷᠬᠡ ᠳᠤ ᠬᠢᠨᠠᠯᠳᠠ ᠲᠠᠯᠪᠢᠬᠤ ᠪᠤᠯᠤᠨ ᠬᠢᠵᠠᠭᠠᠷᠯᠠᠬᠤ ᠪᠠᠨ ᠴᠢᠩᠭᠠᠳᠬᠠᠵᠤ᠂ ᠬᠠᠤᠯᠢ ᠶᠤᠰᠤᠭᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠲᠡᠭᠦᠨ ᠤ ᠪᠠᠶᠢᠩᠭᠤ ᠶᠢᠨ ᠬᠤᠷᠢᠶᠠᠨ ᠳᠤ ᠬᠠᠷᠢᠭᠤ ᠮᠡᠳᠡᠭᠦᠯᠬᠦ ᠶᠢ ᠪᠠᠷᠢᠮᠳᠠᠯᠠᠵᠦ᠂ ᠢᠳᠡᠪᠬᠢᠳᠡᠢ ᠰᠠᠨᠠᠭᠠᠴᠢᠯᠠᠭ᠎ᠠ ᠲᠠᠢ ᠪᠠᠷ ᠤᠯᠤᠰ ᠲᠦᠷᠦ ᠶᠢᠨ ᠵᠦᠪᠯᠡᠯᠭᠡᠨ ᠲᠠᠢ ᠬᠠᠷᠢᠯᠴᠠᠨ᠂ ᠨᠡᠶᠢᠭᠡᠮ ᠤᠨ ᠡᠯ᠎ᠡ ᠡᠳᠡᠭᠡᠳ ᠤᠨ ᠬᠢᠨᠠᠯᠳᠠ ᠶᠢ ᠦᠷᠭᠡᠨ ᠲᠠᠯᠭᠡᠷ ᠬᠦᠯᠢᠶᠡᠭᠰᠡᠨ ᠶᠤᠮ᠃ ᠠᠷᠠᠳ ᠤᠨ ᠲᠦᠯᠦᠭᠡᠯᠡᠭᠴᠢᠳ ᠤᠨ ᠲᠤᠷᠠᠳᠤᠭᠰᠠᠨ ᠰᠠᠨᠠᠯ ᠵᠦᠪᠯᠡᠯᠭᠡ ᠶᠢ 457 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ 229 ᠬᠤᠪᠢ ᠬᠦᠯᠢᠶᠡᠨ ᠠᠪᠴᠦ᠂ ᠰᠶᠢᠳᠪᠤᠷᠢᠯᠡᠭᠰᠡᠨ ᠨᠤᠷᠮ᠎ᠡ 100%᠎ ᠳᠤ ᠬᠦᠷᠴᠡᠢ᠃ ᠨᠡᠶᠢᠭᠡᠮ ᠤᠨ ᠡᠯ᠎ᠡ ᠡᠳᠡᠭᠡᠳ ᠤᠨ ᠰᠠᠨᠠᠯ ᠢ ᠨᠠᠷᠢᠨ ᠬᠢᠨᠠᠮᠠᠭᠠᠢ ᠰᠤᠨᠤᠰᠴᠦ᠂ ᠰᠶᠢᠳᠪᠤᠷᠢᠳᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠡᠯᠳᠦ ᠴᠢᠨᠠᠷ ᠤᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠪᠡ᠃ ᠵᠠᠰᠠᠭ ᠢ ᠴᠤᠮᠠᠭᠳᠬᠠᠵᠤ ᠡᠷᠬᠡ ᠶᠢ ᠲᠠᠯᠪᠢᠬᠤ ᠶᠢ ᠪᠦᠬᠦ ᠲᠠᠯ᠎ᠡ ᠪᠠᠷ ᠠᠬᠢᠭᠤᠯᠵᠤ᠂ ᠵᠠᠰᠠᠭ ᠤᠨ ᠤᠷᠳᠤᠨ ᠤ ᠪᠠᠶᠢᠭᠤᠯᠤᠮᠵᠢ ᠎ ᠶᠢᠨ ᠦᠭᠡᠷᠡᠴᠢᠯᠡᠯᠳᠠ ᠶᠢᠨ ᠠᠵᠢᠯ ᠢ ᠤᠷᠤᠭᠰᠢᠳᠠᠢ ᠪᠡᠶᠡᠯᠡᠭᠦᠯᠵᠤ᠂ ᠵᠠᠰᠠᠭ ᠤᠨ ᠤᠷᠳᠤᠨ ᠤ ᠪᠠᠶᠢᠭᠤᠯᠤᠮᠵᠢ ᠶᠢ 24 ᠪᠤᠯᠭᠠᠨ ᠳᠤᠬᠢᠷᠠᠭᠤᠯᠤᠯᠳᠠ ᠬᠢᠵᠠᠢ᠃ ᠵᠠᠰᠠᠭ ᠤᠨ ᠠᠵᠢᠯ ᠤᠨ ᠦᠢᠯᠡᠴᠢᠯᠡᠯᠭᠡ ᠨᠢ ᠲᠦᠪᠯᠡᠷᠡᠨ ᠠᠯᠪᠡᠯᠡᠬᠤ ᠪᠤᠯᠤᠨ ᠨᠢᠭᠡ ᠦᠷᠳᠡᠭᠡᠳᠤ ᠦᠢᠯᠡᠴᠢᠯᠡᠯᠭᠡ ᠶᠢ ᠪᠡᠶᠡᠯᠡᠭᠦᠯᠵᠤ᠂ ᠠᠷᠠᠳ ᠲᠤ ᠦᠢᠯᠡᠴᠢᠯᠡᠬᠦ ᠴᠢᠳᠠᠪᠥᠷᠢ ᠲᠠᠰᠤᠷᠠᠯᠳᠠ ᠦᠭᠡᠢ ᠳᠡᠭᠡᠭᠰᠢᠯᠡᠭᠰᠡᠨ ᠪᠠᠶᠢᠨ᠎ᠠ᠃ ᠨᠠᠮ ᠤᠨ ᠤᠯᠡᠨ ᠲᠦᠮᠡᠨᠴᠢ ᠱᠤᠭᠤᠮ ᠤᠨ ᠬᠦᠮᠦᠵᠢᠯ ᠦᠢᠯᠡᠳᠥᠯᠭᠡ ᠶᠢᠨ ᠠᠵᠢᠯᠯᠠᠭ᠎ᠠ ᠪᠤᠯᠤᠨ ︽ᠭᠤᠷᠪᠡᠨ ᠴᠢᠩᠭ᠎ᠠ ᠭᠤᠷᠪᠡᠨ ᠪᠤᠳᠡᠳᠡᠢ︾᠎ ᠶᠢᠨ ᠲᠤᠰᠬᠠᠢ ᠰᠡᠳᠦᠪᠳᠦ ᠬᠦᠮᠦᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠂ ᠲᠦᠪ ᠤᠨ ︽ᠨᠠᠢᠮᠠᠨ ᠲᠤᠭᠳᠠᠭᠠᠯ︾ ᠪᠤᠯᠤᠨ ᠪᠤᠰᠤᠳ ᠬᠠᠮᠢᠶ᠎ᠠ ᠪᠦᠭᠦᠢ ᠲᠤᠭᠳᠠᠭᠠᠯ ᠎ ᠤᠳ ᠢ ᠦᠷ᠎ᠡ ᠪᠦᠳᠦᠮᠵᠢᠳᠡᠢ ᠨᠠᠶᠢᠳᠠᠪᠥᠷᠢᠵᠢᠭᠤᠯᠵᠠᠢ᠃ ᠨᠡᠮ ᠤᠨ ᠰᠤᠷᠳᠡᠯ ᠴᠢᠭᠡᠴᠢ ᠵᠠᠰᠠᠭ ᠤᠨ ᠪᠠᠶᠢᠭᠤᠯᠤᠯᠳᠠ ᠎ ᠶᠢᠨ ᠬᠠᠷᠢᠭᠤᠴᠠᠯᠭ᠎ᠠ ᠶᠢᠨ ᠲᠦᠷᠢᠮ ᠪᠤᠯᠤᠨ ᠰᠡᠷᠬᠡᠶᠢᠯᠡᠬᠦ ᠵᠠᠯᠬᠠᠭᠠᠬᠤ ᠰᠢᠰᠲ᠋ᠧᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠤᠨ᠂ ᠨᠡᠮ ᠤᠨ ᠭᠡᠰᠢᠭᠦᠨ ᠺᠠᠳ᠋ᠷ ᠤᠨ ᠠᠷᠢᠭᠤᠨ ᠴᠢᠭᠡᠴᠢ ᠤᠬᠠᠮᠰᠠᠷ ᠪᠤᠯᠤᠨ ᠢᠯᠵᠡᠷᠡᠨ ᠲᠤᠷᠦᠶᠢᠳᠠᠬᠤ ᠠᠴᠠ ᠰᠡᠷᠬᠡᠶᠢᠯᠡᠬᠦ ᠴᠢᠳᠠᠪᠤᠷᠢ ᠲᠠᠰᠤᠷᠠᠯᠳᠡ ᠦᠭᠡᠢ ᠲᠡᠭᠡᠭᠰᠢᠯᠡᠭᠰᠡᠨ ᠪᠡᠶᠢᠨ᠎ᠡ᠃     ᠲᠦᠯᠦᠭᠡᠯᠡᠭᠴᠢᠳ ᠡ᠂ ᠦᠩᠭᠡᠷᠡᠨ ᠤᠳᠤᠭᠰᠠᠨ 2015 ᠤᠨ ᠳᠤ ᠪᠢᠳᠡ ᠠᠵᠤ ᠠᠬᠤᠢ ᠶᠢᠨ ᠬᠦᠭᠵᠢᠯᠳᠡ ᠎ ᠶᠢᠨ ᠰᠢᠨ᠎ᠡ ᠬᠡᠪ ᠪᠡᠶᠢᠳᠡᠯ ᠲᠠᠢ ᠢᠳᠡᠪᠬᠢᠳᠡᠢ ᠪᠠᠷ ᠵᠤᠬᠢᠴᠠᠵᠦ᠂ ︽ᠬᠤᠶᠠᠷ ᠢ ᠠᠳᠬᠤᠬᠤ  ᠭᠤᠷᠪᠠ ᠶᠢ ᠳᠡᠭᠡᠭᠰᠢᠯᠡᠭᠦᠯᠬᠦ ᠲᠦᠷᠪᠡ ᠶᠢ ᠬᠦᠭᠵᠢᠭᠦᠯᠬᠦ︾ ᠶᠠᠷᠤᠩᠬᠡᠢ ᠱᠠᠭᠠᠷᠳᠠᠯᠭ᠎ᠠ ᠶᠢ ᠲᠤᠪᠦᠶᠢᠯᠭᠠᠵᠦ᠂ ᠬᠤᠰᠢᠭᠤᠨ ᠤ ᠠᠷᠪᠡᠨ ᠲᠦᠷᠪᠡᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠡᠷ᠎ᠡ ᠲᠤᠭᠳᠠᠭᠠᠭᠰᠠᠨ ᠡᠯ᠎ᠡ ᠵᠦᠢᠯ ᠤᠨ ᠬᠠᠷᠠᠯᠳᠡ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠭᠰᠡᠨ ᠪᠡᠶᠢᠨ᠎ᠡ᠃ ᠠᠵᠤ ᠠᠬᠤᠢ ᠶᠢᠨ ᠭᠤᠤᠯ ᠪᠤᠯᠬᠤ ᠭᠦᠢᠴᠡᠳᠭᠡᠬᠦ ᠳᠤᠭᠠᠨ ᠤ ᠬᠤᠷᠳᠤᠴᠠ ᠳᠦᠷᠭᠡᠳᠴᠤ ︽ᠭᠤᠷᠪᠡ ᠶᠢ ᠦᠨᠳᠦᠷ ᠪᠠᠶᠢᠯᠭᠠᠵᠦ ᠲᠦᠷᠪᠡ ᠶᠢ ᠠᠳᠠᠯᠢᠬᠠᠨ ᠪᠠᠶᠢᠯᠭᠠᠬᠤ︾᠎ ᠶᠢ ᠪᠡᠶᠡᠯᠡᠭᠦᠯᠦᠭᠰᠡᠨ ᠪᠦᠭᠡᠳ ᠲᠤᠭᠳᠠᠭᠰᠠᠨ ᠬᠠᠷᠠᠯᠳᠡ ᠪᠠᠨ ᠴᠤ ᠪᠡᠶᠡᠯᠡᠭᠦᠯᠵᠡᠢ᠃ ᠪᠦᠬᠦ ᠵᠢᠯ ᠳᠤ ᠤᠷᠤᠨ ᠨᠤᠳᠤᠭ ᠤᠨ ᠦᠢᠯᠡᠳᠪᠤᠷᠢᠯᠡᠯ ᠎ ᠤᠨ ᠶᠡᠷᠤᠩᠬᠡᠢ ᠦᠷᠳᠡᠭ 8.4%᠎ ᠪᠠᠷ ᠨᠡᠮᠡᠭᠳᠡᠪᠡ᠃ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ 4.9 ᠳ᠋ᠦᠩᠰᠢᠭᠤᠷ ᠲᠦᠭᠦᠷᠢᠭ ᠲᠤ ᠬᠦᠷᠴᠤ᠂ 4.7%᠎ ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 15.6 ᠳ᠋ᠦᠩᠰᠢᠭᠤᠷ ᠲᠦᠭᠦᠷᠢᠭ ᠲᠤ ᠬᠦᠷᠴᠤ᠂ 10.8%᠎ ᠪᠠᠷ ᠨᠡᠮᠡᠭᠳᠡᠵᠡᠢ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 10.6 ᠳ᠋ᠦᠩᠰᠢᠭᠤᠷ ᠲᠦᠭᠦᠷᠢᠭ ᠲᠤ ᠬᠦᠷᠴᠦ᠂ 6.0%᠎ ᠪᠠᠷ ᠨᠡᠮᠡᠭᠳᠡᠭᠰᠡᠨ ᠪᠠᠶᠢᠨ᠎ᠡ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 1.23 ᠳ᠋ᠦᠩᠰᠢᠭᠤᠷ ᠲᠦᠭᠦᠷᠢᠭ ᠪᠠᠶᠠᠯᠡᠭᠦᠯᠵᠤ᠂ 7.2%᠎ ᠢᠶᠠᠷ ᠨᠡᠮᠡᠭᠳᠡᠪᠡ᠃ ᠤᠯᠠᠨ ᠨᠠᠶᠢᠳᠡ ᠶᠢᠨ ᠡᠳ᠋ ᠤᠨ ᠵᠠᠰᠠᠭ ᠤᠨ ᠶᠠᠷᠤᠩᠬᠡᠢ ᠵᠠᠷᠤᠯᠭ᠎ᠠ 10.6 ᠳ᠋ᠦᠩᠰᠢᠭᠤᠷ ᠲᠦᠭᠦᠷᠢᠭ ᠲᠤ ᠬᠦᠷᠴᠤ᠂ 12.2 %᠎ ᠪᠠᠷ ᠨᠡᠮᠡᠭᠳᠡᠵᠠᠢ᠃ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ 23.4 ᠳ᠋ᠦᠩᠰᠢᠭᠤᠷ ᠲᠦᠭᠦᠷᠢᠭ ᠲᠤ ᠬᠦᠷᠴᠤ᠂ 16.6%᠎ ᠪᠠᠷ ᠨᠡᠮᠡᠭᠳᠡᠪᠡ᠃ ᠬᠤᠳᠡ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠤᠮᠳᠠᠴᠢ ᠪᠠᠷ ᠡᠵᠡᠮᠳᠡᠵᠤ ᠪᠤᠯᠬᠤᠶᠢᠴᠨ ᠤᠷᠤᠯᠭ᠎ᠠ ᠲᠤᠰᠪᠤᠷᠢ 9.2% ᠪᠤᠯᠤᠨ 8.5%᠎ ᠪᠠᠷ ᠨᠡᠮᠡᠭᠳᠡᠵᠡᠢ᠃ ᠪᠦᠬᠦ ᠵᠢᠯ ᠳᠤ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ᠂ ᠠᠵᠤ ᠦᠢᠯᠡᠳᠪᠥᠷᠢ ᠶᠢᠨ ᠨᠠᠮᠡᠭᠳᠡᠯ ᠦᠷᠳᠡᠭ᠂ ᠪᠦᠬᠦ ᠨᠠᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ᠂ ᠪᠦᠬᠦ ᠨᠠᠶᠢᠭᠡᠮ ᠤᠨ ᠭᠡᠷᠡᠭᠯᠡᠭᠡᠨ ᠤ ᠵᠤᠶᠢᠯᠡᠰ ᠤᠨ ᠵᠢᠵᠢᠭᠯᠡᠨ ᠬᠤᠳᠠᠯᠳᠤᠭᠰᠠᠨ ᠶᠡᠷᠥᠩᠬᠡᠢ ᠦᠷᠳᠡᠭ ᠴᠦᠮ ᠪᠦᠬᠦ ᠠᠶᠢᠮᠠᠭ ᠤᠨ ᠳᠤᠮᠳᠠᠴᠢ ᠲᠦᠪᠰᠢᠨ ᠎ ᠠᠴᠠ ᠦᠨᠳᠤᠷ ᠪᠠᠶᠢᠵᠤ᠂ ᠪᠦᠬᠦ ᠰᠠᠭᠤᠭᠠᠯᠢ ᠠᠷᠠᠳ ᠤᠨ ᠬᠦᠮᠥᠨ ᠪᠦᠷᠢ ᠲᠤᠮᠳᠠᠴᠢ ᠪᠠᠷ ᠡᠵᠡᠮᠰᠢᠵᠤ ᠪᠤᠯᠬᠤ ᠤᠷᠤᠯᠭ᠎ᠠ ᠶᠢᠨ ᠨᠡᠮᠡᠭᠳᠡᠯ ᠪᠦᠬᠦ ᠠᠶᠢᠮᠠᠭ ᠤᠨ ᠳᠡᠷᠢᠭᠦᠨ ᠳᠤ ᠪᠠᠶᠢᠷᠢᠯᠠᠵᠠᠢ᠃ ᠤᠳᠤᠬᠠᠨ ᠤ ᠠᠵᠤ ᠠᠬᠤᠢ ᠨᠡᠶᠢᠭᠡᠮ ᠎ ᠤᠨ ᠬᠦᠭᠵᠢᠯᠳᠡ ᠶᠢ ᠦᠨᠡᠨ ᠬᠦ ᠰᠠᠶᠢᠨ ᠠᠳᠬᠤᠬᠤ ᠶᠢᠨ ᠬᠠᠮᠳᠤ᠂ ︽ᠰᠢᠯᠤᠭᠤᠨ ᠬᠦᠪᠡᠭᠡᠳᠤ ᠴᠠᠭᠠᠨ ᠬᠤᠰᠢᠭᠤᠨ ᠎ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠠ ᠶᠢᠨ ᠠᠷᠪᠠᠨ ᠭᠤᠷᠪᠠᠳᠤᠭᠠᠷ ᠲᠠᠪᠤᠨ ᠵᠢᠯ ᠎ ᠤᠨ ᠲᠦᠯᠥᠪᠵᠢᠭᠦᠯᠭᠡ ᠶᠢᠨ ᠬᠦᠳᠤᠯᠪᠥᠷᠢ ︵ᠲᠦᠰᠥᠪ︶︾᠎ ᠶᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠲᠠᠢ ᠰᠤᠳᠤᠯᠤᠨ ᠨᠠᠶᠢᠷᠠᠭᠤᠯᠵᠤ᠂ ᠤᠷᠤᠨ ᠪᠠᠶᠢᠷᠢ ᠪᠠᠨ ᠤᠷᠤᠭᠰᠢ ᠳᠠᠪᠰᠢᠭᠤᠯᠬᠤ ᠪᠤᠯᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠢᠷᠤᠭ ᠲᠦᠯᠥᠪᠯᠡᠯᠭᠡ ᠶᠢ ᠵᠢᠷᠥᠭ᠌ᠯᠠᠭᠰᠠᠨ ᠪᠠᠶᠢᠨ᠎ᠠ᠃     ︵ᠨᠢᠭᠡ︶ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠲᠤᠪᠦᠶᠢᠮ᠎ᠡ ᠦᠷ᠎ᠡ ᠪᠦᠲᠦᠮᠵᠢ ᠤᠯᠪᠠ᠃ ᠪᠦᠬᠦ ᠵᠢᠯ ᠳᠤ 500 ᠲᠦᠮᠡᠨ ᠲᠦᠬᠦᠷᠢᠭ ᠠᠴᠠ ᠲᠠᠭᠡᠭᠰᠢᠬᠢ ᠳᠤᠭᠲᠠᠮᠠᠯ ᠬᠦᠷᠤᠩᠭᠡ ᠶᠢᠨ ᠪᠡᠯᠡ ᠤᠷᠤᠭᠤᠯᠤᠯᠲᠠ ᠶᠢᠨ ᠲᠦᠷᠦᠯ ᠵᠦᠢᠯ 56 ᠪᠤᠢ᠂ ᠡᠭᠦᠨ ᠳᠤ ᠠᠶᠢᠮᠠᠭ ᠤᠨ ᠱᠠᠳᠦᠨ ᠤ ᠲᠦᠷᠦᠯ ᠵᠦᠢᠯ 8 ᠪᠠᠶᠢᠨ᠎ᠠ᠃ ᠠᠷᠠᠯᠵᠢᠶᠠᠴᠢᠨ ᠤᠷᠢᠵᠤ ᠪᠡᠯᠡ ᠳᠠᠲᠠᠬᠤ ᠠᠵᠢᠯ ᠰᠢᠨ᠎ᠡ ᠰᠢᠪᠲᠤᠯᠤᠯᠲᠠ ᠲᠠᠢ ᠪᠤᠯᠵᠤ᠂ ᠪᠦᠬᠦ ᠵᠢᠯ ᠳᠤ 15 ᠳ᠋ᠦᠩᠰᠢᠭᠤᠷ ᠲᠦᠭᠦᠷᠢᠭ ᠢ ᠤᠷᠤᠨ ᠪᠠᠶᠢᠷᠢᠨ ᠳᠤᠨᠢ ᠭᠦᠷᠭᠡᠪᠠ᠃ ᠭᠤᠤᠯᠳᠠᠯᠭ᠎ᠠ ᠲᠠᠢ ᠲᠦᠷᠦᠯ ᠵᠦᠢᠯ ᠢ ᠲᠤᠬᠢᠷᠠᠭᠤᠯᠬᠤ᠂ ᠵᠢᠯᠤᠭᠤᠳᠬᠤ᠂ ᠦᠢᠯᠡᠴᠢᠯᠡᠬᠦ ᠶᠢ ᠴᠢᠩᠭᠠᠳᠬᠠᠵᠤ ᠠᠯᠬᠤᠮ ᠳᠠᠷᠠᠭ᠎ᠠ ᠲᠠᠢ ᠪᠠᠷ ᠲᠦᠯᠬᠢᠨ ᠠᠬᠢᠭᠤᠯᠬᠤ ᠶᠢ ᠪᠠᠳᠤᠯᠠᠪᠠ ᠃ ᠵᠢᠯ ᠤᠨ 5 ᠲᠦᠮᠡᠨ ᠳᠤᠨ ᠤ ᠴᠠᠭᠠᠨ ᠲᠤᠭᠤᠯᠠᠭ᠎ᠠ ᠲᠠᠢ ᠬᠠᠶᠠᠭᠳᠠᠮᠠᠯ ᠮᠠᠲ᠋ᠧᠷᠢᠶᠠᠯ ᠢ ᠪᠤᠴᠠᠭᠠᠨ ᠬᠤᠷᠢᠶᠠᠵᠦ ᠲᠠᠬᠢᠨ ᠠᠰᠢᠭᠯᠠᠬᠤ ᠲᠦᠷᠦᠯ ᠵᠦᠢᠯ ᠢ ᠠᠰᠢᠭᠯᠠᠯᠲᠠ ᠳᠤ ᠤᠷᠤᠭᠤᠯᠪᠠ︔ ᠵᠢᠯ ᠤᠨ 6 ᠲᠦᠮᠡᠨ ᠳᠤᠨ ᠨᠢᠺᠧᠯᠲᠤ ᠲᠡᠮᠦᠷ ᠪᠤᠯᠪᠠᠰᠤᠷᠠᠭᠤᠯᠬᠤ ᠵᠢᠴᠢ ᠲᠤᠯᠠᠭᠠᠯᠠᠬᠤ ᠬᠠᠪᠳᠠᠰᠦ ᠦᠢᠯᠡᠳᠪᠦᠷᠢᠯᠡᠬᠦ ᠲᠦᠷᠦᠯ ᠵᠦᠢᠯ ᠨᠢ ᠦᠢᠯᠡᠳᠪᠦᠷᠢᠯᠡᠬᠦ ᠨᠦᠬᠦᠴᠡᠯ ᠢ ᠪᠦᠷᠢᠯᠳᠦᠭᠦᠯᠵᠡᠢ︔ ᠰᠢᠨᠵᠢᠶᠠᠩ ᠤᠨ ᠲᠧ ᠪᠢᠶᠠᠨ ᠳ᠋ᠢᠶᠠᠨ ᠭᠥᠩ ᠲᠤᠨᠤᠭ ᠲᠦᠬᠦᠭᠡᠷᠦᠮᠵᠢ ᠦᠢᠯᠡᠳᠪᠦᠷᠢᠯᠡᠬᠦ᠂ ᠵᠢᠶᠠᠨ ᠠᠨ ᠴᠧᠩ ᠰᠠᠯᠬᠢᠨ ᠭᠦᠴᠦᠨ ᠤ ᠴᠠᠬᠢᠯᠭᠠᠨ ᠮᠠᠰᠢᠨ ᠤ ᠲᠦᠭᠦᠭᠡᠷᠦᠮᠵᠢ ᠦᠢᠯᠡᠳᠪᠦᠷᠢᠯᠡᠬᠦ ᠂ ᠵᠢᠩ ᠨᠧᠩ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯᠡᠰ ᠤᠳ ᠠᠵᠢᠯ ᠢᠶᠠᠨ ᠡᠬᠢᠯᠡᠭᠦᠯᠵᠡᠢ︔ ᠱᠧᠩ ᠶᠤᠸᠠᠨ ᠰᠡᠯᠬᠢᠨ ᠬᠦᠴᠦᠨ ᠤ ᠦᠨᠠᠨᠪᠠᠳᠦ ᠶᠢᠨ 4.95 ᠲᠦᠮᠡᠨ ᠺᠢᠯᠤᠸᠠᠲ ᠶᠢᠨ ᠰᠠᠯᠬᠢᠨ ᠭᠦᠴᠦᠨ ᠤ ᠴᠠᠬᠢᠯᠭᠠᠨ ᠎ ᠤ ᠲᠦᠷᠦᠯ ᠵᠦᠢᠯ᠂ ᠴᠢᠶᠠᠨ ᠶᠢᠨ ᠳ᠋ᠠ ᠦᠩᠭᠡᠳᠦ ᠲᠡᠮᠦᠷᠯᠢᠭ ᠤᠨ ᠠᠭᠤᠷᠬᠠᠢ ᠶᠢ ᠬᠠᠶᠢᠨ ᠰᠢᠨᠵᠢᠬᠦ ᠲᠦᠷᠦᠯ ᠵᠦᠢᠯ ᠎ ᠢ ᠯᠠᠪᠳᠠᠭᠤᠨ ᠢᠶᠠᠷ ᠠᠬᠢᠭᠤᠯᠪᠠ᠃ ᠶᠢᠨ ᠹᠧᠩ ᠰᠢᠨᠵᠢᠯᠡᠭᠡ ᠮᠡᠷᠭᠡᠵᠢᠯ ᠤᠨ ᠰᠠᠯᠬᠢᠨ ᠭᠦᠴᠦᠨ ᠤ ᠮᠠᠰᠢᠨ᠂ ᠵᠦᠩ ᠱᠦᠢ ᠳ᠋ᠢᠶᠠᠨ ᠵᠢᠶᠠᠨ ᠰᠠᠯᠬᠢᠨ ᠬᠦᠴᠦᠨ ᠤ ᠲᠦᠬᠦᠭᠡᠷᠥᠮᠵᠢ᠂ ᠶᠢᠨ ᠬᠠᠢ ᠹᠡ ᠯᠠᠨ ᠲᠤᠨᠤᠭᠯᠠᠯ ᠦᠢᠯᠡᠳᠪᠦᠷᠢᠯᠡᠬᠦ ᠵᠡᠷᠭᠡ ᠲᠦᠷᠦᠯ ᠵᠦᠢᠯ ᠳᠤ ᠬᠠᠮᠲᠤᠷᠠᠨ ᠠᠵᠢᠯᠯᠠᠬᠤ ᠬᠡᠯᠡᠯᠴᠡᠭᠡᠷ ᠲᠤᠭᠲᠠᠨ᠂ ᠪᠡᠯᠡᠳᠬᠡᠯ ᠠᠵᠢᠯ ᠢ ᠠᠬᠢᠭᠤᠯᠵᠦ ᠪᠤᠢ᠃ ᠠᠶᠢᠮᠠᠭ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠲᠠᠢ ᠬᠠᠮᠵᠢᠯᠴᠠᠨ᠂ ᠭᠡᠲᠦ ᠦᠨᠳᠦᠷ ᠬᠦᠴᠦᠳᠡᠯᠳᠦ ᠴᠠᠬᠢᠯᠭᠠᠨ ᠲᠤᠤᠷ ᠢᠶᠠᠷ ᠴᠡᠪᠡᠷ ᠡᠨᠧᠷᠭᠢ ᠶᠢᠨ ᠴᠠᠬᠢᠯᠭᠠᠨ ᠢ ᠭᠠᠳᠠᠭᠰᠢ ᠬᠦᠷᠭᠡᠬᠦ ᠪᠠ ᠡᠷᠢᠶᠡᠨ ᠬᠤᠲᠠ ᠶᠢᠨ ᠪᠢᠴᠢᠯ ᠴᠠᠬᠢᠯᠭᠠᠨ ᠲᠤᠤᠷ ᠤᠨ ᠲᠦᠯᠦᠪᠵᠢᠭᠦᠯᠭᠡ ᠶᠢᠨ ᠠᠵᠢᠯ ᠲᠠᠢ ᠪᠦᠳᠦᠮᠵᠢᠳᠡᠢ ᠵᠠᠯᠭᠠᠭᠤᠯᠪᠠ᠃     ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠲᠤᠭᠲᠠᠭᠤᠨ ᠢᠶᠠᠷ ᠬᠦᠭᠵᠢᠪᠡ᠃ ᠵᠢᠯ ᠤᠨ ᠲᠤᠳᠤᠷ᠎ᠡ ᠠᠰ ᠲᠠᠭᠠᠨ ᠲᠤᠭᠠᠴᠠᠭ᠎ᠠ ᠬᠢᠬᠦ ᠠᠵᠤ ᠠᠬᠤᠶᠢᠯᠠᠯ ᠪᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠲᠤᠰ ᠲᠤᠰ ᠰᠢᠨ᠎ᠡ ᠪᠠᠷ 13 ᠪᠠ 6 ᠨᠡᠮᠡᠭᠳᠡᠵᠡᠢ᠃ ᠪᠦᠭᠦᠶᠢᠯᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 13.1 ᠳ᠋ᠦᠩᠰᠢᠭᠤᠷ ᠲᠦᠬᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠠᠴᠠ 11.3 %᠎ ᠪᠠᠷ ᠨᠡᠮᠡᠭᠳᠡᠪᠡ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠡᠯ ᠤᠨ ᠨᠡᠮᠡᠭᠳᠡᠯ ᠦᠷᠳᠡᠭ ᠢ 8.2 ᠳ᠋ᠦᠩᠰᠢᠭᠤᠷ ᠲᠦᠬᠦᠷᠢᠭ ᠪᠡᠶᠡᠯᠡᠭᠦᠯᠵᠤ᠂ 14.6 %᠎ ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠲᠤᠭᠤᠷᠢᠭ ᠤᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠵᠢᠯ ᠤᠨ ᠲᠤᠲᠤᠷ᠎ᠠ 1858 ᠲᠦᠮᠡᠨ ᠲᠦᠬᠦᠷᠢᠭ ᠤᠨ ᠪᠡᠯᠨ ᠤᠷᠤᠭᠤᠯᠥᠨ᠂ ᠠᠵᠤ ᠦᠢᠯᠡᠳᠪᠦᠷᠢ ᠶᠢᠨ ᠲᠤᠭᠤᠷᠢᠭ ᠤᠨ ᠤᠰᠤ᠂ ᠴᠠᠬᠢᠯᠭᠠᠨ᠂ ᠵᠠᠮ᠂ ᠴᠢᠮᠡᠭᠡ᠂ ᠭᠡᠷᠡᠯᠲᠦᠬᠦᠯᠭᠡ᠂ ᠨᠤᠭᠤᠭᠠᠷᠠᠭᠤᠯᠤᠯᠲᠠ ᠵᠡᠷᠭᠡ ᠶᠢᠨ ᠪᠦᠲᠦᠭᠡᠨ ᠪᠠᠶᠢᠭᠤᠯᠤᠯᠳᠠ ᠶᠢ ᠬᠡᠷᠡᠭᠵᠢᠭᠦᠯᠵᠡᠢ᠃ ᠨᠡᠶᠢᠲᠡ ᠶᠢᠨ ᠪᠤᠰᠤ ᠪᠠ ᠲᠤᠮᠳᠠ ᠪᠠᠭ᠎ᠠ ᠵᠢᠵᠢᠭ ᠠᠵᠤ ᠠᠬᠤᠶᠢᠯᠠᠯ ᠢ ᠲᠦᠷᠭᠡᠨ ᠬᠦᠭᠵᠢᠭᠦᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ 8 ᠡᠷᠤᠭᠡ ᠨᠢ ᠪᠦᠬᠦ ᠠᠶᠢᠮᠠᠭ ᠤᠨ ︽ᠭᠤᠷᠪᠠᠨ ᠵᠠᠭᠤᠨ ᠵᠢᠱᠢᠶ᠎ᠡ ᠦᠵᠡᠭᠦᠯᠬᠦ ᠢᠨᠵᠧᠨᠧᠷᠢᠩ︾ ᠪᠠ ︽ᠵᠠᠭᠤ ᠮᠢᠩᠭ᠎ᠠ ᠲᠦᠮᠡ ᠶᠢ ᠪᠤᠶᠢᠵᠢᠭᠤᠯᠬᠤ ᠢᠨᠵᠧᠨᠧᠷᠢᠩ︾᠎ ᠤᠨ ᠡᠩᠨᠡᠭᠡ ᠳᠤ ᠤᠷᠤᠪᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠪᠠ 1% ᠎ ᠶᠢᠨ ᠬᠦᠮᠦᠨ ᠠᠮᠠ ᠶᠢ ᠰᠤᠭᠤᠴᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠠᠶᠡᠯᠡᠭᠦᠯᠵᠤ᠂ ᠲᠦᠷᠦ ᠶᠢᠨ ᠶᠠᠪᠤᠳᠠᠯ ᠎ ᠤᠨ ᠬᠤᠷᠢᠶᠠᠨ ᠤ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠤᠨ ᠨᠡᠶᠢᠲᠡᠮ ᠪᠠᠶᠢᠴᠠᠭᠠᠯᠲᠠ ᠎ ᠶᠢᠨ ᠲᠡᠷᠢᠭᠦᠨ ᠤ ᠨᠢᠭᠡᠴᠠ︾᠎ ᠶᠢᠨ ᠢᠷᠠᠭᠤ ᠠᠯᠳᠠᠷ ᠢ ᠭᠦᠷᠲᠡᠵᠠᠢ᠃     ︵ᠭᠤᠷᠪᠡ︶ ᠮᠠᠯ ᠠᠵᠤ ᠠᠬᠤᠢ ᠲᠠᠷᠢᠶᠠᠯᠡᠩ ᠤᠨ ᠰᠠᠭᠤᠷᠢ ᠤᠯᠡᠮ ᠨᠢᠭᠡ ᠠᠯᠬᠤᠮ ᠪᠠᠬᠢᠵᠢᠪᠠ᠃ ᠮᠠᠯ ᠠᠵᠤ ᠠᠬᠤᠢ ᠲᠠᠷᠢᠶᠠᠯᠡᠩ ᠨᠢ ᠲᠤᠤᠷ᠎ᠡ ᠲᠤᠯᠠᠭᠠᠨ᠂ ᠭᠠᠨᠭ᠌ ᠭᠠᠴᠢᠭ ᠤᠨ ᠨᠦᠯᠦᠭᠡᠯᠡᠯ ᠢ ᠢᠯᠡᠨ ᠲᠠᠪᠠᠵᠦ᠂ ᠮᠠᠯᠵᠢᠯ ᠤᠨ ᠤᠨ ᠤ ᠮᠠᠯ ᠤᠨ ᠲᠤᠭ᠎ᠠ 55.6 ᠲᠦᠮᠨ ᠳᠤ ᠬᠦᠷᠴᠦ᠂ ᠮᠠᠯ ᠤᠨ ᠵᠠᠷᠤᠴᠠᠭᠤᠯᠤᠯᠳᠠ 35.1 ᠲᠦᠮᠡᠨ ᠲᠤᠯᠤᠭᠠᠢ ᠎ ᠳᠤ ᠬᠦᠷᠪᠡ᠃ ᠮᠠᠯ ᠰᠦᠷᠦᠭ ᠤᠨ ᠪᠦᠳᠦᠴᠨ ᠳᠤ ᠲᠤᠬᠢᠷᠠᠭᠤᠯᠤᠯᠳᠠ ᠬᠢᠬᠦ ᠪᠠᠨ ᠶᠡᠭᠡᠰᠭᠡᠵᠦ᠂ 4.45 ᠲᠦᠮᠡᠨ ᠦᠭᠡᠷ᠂ 17.5 ᠲᠦᠮᠡᠨ ᠬᠤᠨᠢ ᠶᠢ ᠡᠭᠦᠯᠳᠡᠷ ᠰᠡᠶᠢᠵᠢᠷᠠᠭᠤᠯᠵᠦ᠂ ᠪᠤᠳᠡ ᠪᠤᠭ ᠮᠠᠯ ᠤᠨ ᠡᠭᠦᠯᠳᠡᠷ ᠰᠡᠶᠢᠵᠢᠷᠠᠭᠤᠯᠤᠭᠰᠠ ᠨᠤᠷᠮ᠎ᠡ 99.8%᠎ ᠳᠤ ᠬᠦᠷᠪᠡ᠃ 1.3 ᠳ᠋ᠦᠩᠰᠢᠭᠤᠷ ᠺᠢᠯᠤᠭ᠍ᠷᠠᠮ ᠡᠪᠡᠰᠦ ᠬᠠᠳᠦᠵᠦ ᠬᠤᠷᠢᠶᠠᠨ᠂ ᠲᠠᠷᠢᠶ᠎ᠠ ᠲᠠᠷᠢᠭᠰᠠᠨ ᠲᠠᠯᠠᠪᠠᠢ 25.8 ᠲᠦᠮᠡᠨ ᠮᠤ᠋ ᠳᠤ ᠬᠦᠷᠴᠡᠢ᠃ ᠮᠠᠯ ᠠᠵᠤ ᠠᠬᠤᠢ ᠲᠠᠷᠢᠶᠠᠯᠡᠩ ᠎ ᠤᠨ ᠠᠵᠤ ᠦᠢᠯᠡᠰᠵᠢᠯᠳᠡ ᠶᠢ ᠲᠦᠷᠭᠡᠨ ᠠᠬᠢᠭᠤᠯᠵᠦ᠂ ᠮᠠᠯ ᠲᠠᠷᠢᠶᠡᠯᠡᠩ ᠲᠤ ᠬᠤᠯᠪᠤᠭᠳᠠᠭᠰᠠᠨ ᠠᠵᠤ ᠠᠬᠤᠶᠢᠯᠡᠯ 30 ᠪᠤᠯᠤᠨ ᠬᠦᠭᠵᠢᠵᠦ᠂ 39 ᠡᠯ᠎ᠡ ᠲᠦᠷᠦᠯ ᠤᠨ ᠲᠤᠰᠬᠠᠢ ᠬᠤᠷᠰᠢᠶᠡᠵᠢᠯ ᠢ ᠰᠢᠨ᠎ᠡ ᠪᠠᠷ ᠪᠠᠶᠢᠭᠤᠯᠤᠭᠰᠠᠨ ᠪᠠᠶᠢᠨ᠎ᠡ᠃ ᠱᠢᠮᠢᠨᠳᠠᠷ ᠦᠭᠡᠷ ᠪᠠ ᠴᠠᠬᠠᠷ ᠬᠤᠨᠢᠨ ᠤ ᠭᠤᠤᠯ ᠰᠦᠷᠦᠭ 17᠂ ᠦᠭᠡᠷ ᠬᠤᠨᠢᠨ ᠤ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠰᠠᠭᠤᠷᠢᠨ 5᠎ ᠶᠢ ᠰᠢᠨ᠎ᠡ ᠪᠠᠷ ᠪᠠᠶᠢᠭᠤᠯᠪᠠ᠃ 5 ᠲᠦᠮᠡᠨ ᠬᠤᠨᠢᠨ ᠮᠢᠬᠠᠨ ᠤ ᠪᠦᠭᠦᠶᠢᠯᠨ ᠠᠵᠤ ᠦᠢᠯᠡᠰ ᠤᠨ ᠬᠢᠯᠬᠢᠶᠡᠵᠢᠯ ᠤᠨ ᠮᠦᠷᠳᠡᠯᠳᠡ ᠶᠢᠨ ᠰᠢᠰᠲ᠋ᠧᠮ ᠢ ᠪᠠᠶᠢᠭᠤᠯᠬᠤ ᠠᠵᠢᠯ ᠢ ᠪᠠᠶᠡᠯᠡᠭᠦᠯᠪᠡ᠃ ᠭᠠᠮᠰᠢᠭ ᠠᠴᠠ ᠵᠡᠶᠢᠯᠠᠬᠤ ᠬᠡᠯᠪᠡᠷᠢ ᠶᠢᠨ ᠮᠠᠯ ᠠᠵᠤ ᠠᠬᠤᠢ ᠲᠠᠷᠢᠶᠠᠯᠡᠩ ᠢ ᠶᠡᠭᠡᠪᠡᠷ ᠬᠦᠭᠵᠢᠭᠦᠯᠦᠨ᠂ ᠪᠠᠷᠢᠮᠵᠢᠶᠠᠳᠦ ᠮᠠᠯ ᠤᠨ ᠫᠸᠡᠭ 6.5 ᠲᠦᠮᠡᠨ ᠲᠡᠭᠰᠢ ᠲᠦᠷᠪᠡᠯᠵᠢᠨ ᠮᠧᠲᠷ᠂ ᠡᠪᠡᠰᠦ ᠬᠠᠳᠠᠭᠠᠯᠠᠬᠤ ᠫᠸᠡᠭ 1 ᠲᠦᠮᠡᠨ ᠲᠡᠭᠰᠢ ᠲᠦᠷᠪᠡᠯᠵᠢᠨ ᠮᠧᠲᠷ᠂ ᠨᠤᠭᠤᠭᠠᠨ ᠲᠠᠷᠤᠰᠢ ᠶᠢᠨ ᠵᠤᠭᠤᠷᠢ 1 ᠲᠦᠮᠡᠨ ᠪᠤᠰᠤᠭ᠎ᠠ ᠲᠦᠷᠪᠡᠯᠵᠢᠨ ᠮᠧᠲᠷ ᠢ ᠲᠤᠰᠪᠦᠷᠢ ᠰᠢᠨ᠎ᠡ ᠪᠠᠷ ᠪᠠᠶᠢᠭᠤᠯᠪᠠ᠃ ᠮᠠᠯ ᠲᠠᠷᠢᠶᠡᠯᠡᠩ ᠤᠨ ᠮᠠᠰᠢᠨ ᠪᠠᠭᠠᠵᠢ ᠬᠤᠳᠠᠯᠳᠦᠨ ᠠᠪᠬᠤ ᠨᠦᠬᠦᠪᠤᠷᠢ 394 ᠲᠦᠮᠡᠨ ᠲᠦᠭᠦᠷᠢᠭ ᠲᠤ ᠬᠦᠷᠴᠤ᠂ 110 ᠢᠵᠢ ᠰᠠᠤᠷᠢ ᠶᠢ ᠪᠡᠶᠡᠯᠡᠭᠦᠯᠵᠦ᠂ ᠮᠠᠯ ᠲᠠᠷᠢᠶᠡᠯᠡᠩ ᠎ ᠤᠨ ᠶᠠᠷᠤᠩᠬᠡᠶᠢᠯᠡᠭᠰᠡᠨ ᠮᠧᠬᠠᠨᠢᠭᠵᠢᠭᠰᠠᠨ ᠨᠤᠷᠮ᠎ᠡ ᠶᠢ 95%᠎ ᠠᠴᠠ ᠲᠡᠭᠡᠭᠰᠢ ᠬᠦᠷᠭᠡᠪᠡ᠃ ᠠᠮᠢᠳᠠᠨ ᠤ ᠬᠦᠨᠳᠦ ᠶᠡᠭᠡ ᠬᠢᠵᠢᠭ ᠢ ᠰᠡᠷᠬᠡᠶᠢᠯᠡᠬᠦ ᠠᠵᠢᠯ ᠢ ᠨᠠᠷᠢᠨ ᠬᠢᠨᠠᠮᠠᠭᠠᠢ ᠬᠢᠵᠦ᠂ ᠠᠯᠪᠠᠳᠠᠯᠭ᠎ᠠ ᠶᠢᠨ ᠴᠢᠨᠠᠷᠳᠡᠢ ᠦᠯᠤ ᠬᠠᠯᠳᠠᠭᠠᠬᠤ ᠲᠠᠷᠢᠯᠭ᠎ᠠ ᠶᠢᠨ ᠨᠢᠭᠳᠠᠴᠨ 100%᠎ ᠳᠤ ᠬᠦᠷᠭᠡᠪᠡ᠃ ᠰᠠᠶᠢᠨ ᠲᠠᠷᠢᠶᠠᠨ ᠦᠷ᠎ᠡ ᠶᠢᠨ ᠨᠦᠬᠦᠪᠤᠷᠢ ᠶᠢ 179.8 ᠲᠦᠮᠡᠨ ᠲᠦᠭᠦᠷᠢᠭ ᠲᠠᠷᠬᠠᠭᠠᠪᠠ᠂ ᠭᠠᠨᠭ᠌ ᠬᠠᠭᠤᠷᠠᠢ ᠴᠡᠰᠦ ᠵᠤᠤᠨ ᠤᠨ ᠭᠠᠮᠰᠢᠭ ᠢ ᠢᠳᠡᠪᠬᠢᠳᠡᠢ ᠠᠷᠭᠠᠴᠡᠭᠠᠵᠦ᠂ ᠨᠡᠶᠢᠳᠡ 1000 ᠲᠦᠮᠡᠨ ᠲᠦᠭᠦᠷᠢᠭ ᠤᠨ ᠭᠠᠮᠰᠢᠭ ᠢ ᠡᠰᠡᠷᠭᠦᠴᠡᠬᠦ ᠪᠡᠯᠨ ᠮᠦᠩᠭᠦ ᠪᠠᠭᠤᠯᠭᠠᠵᠦ᠂ ᠡᠪᠡᠰᠤ ᠪᠤᠷᠳᠤᠭᠠᠨ ᠨᠦᠬᠦᠪᠦᠷᠢ ᠪᠠ ᠭᠠᠮᠰᠢᠭ ᠠᠴᠠ ᠠᠪᠤᠷᠠᠬᠤ ᠮᠠᠰᠢᠨ ᠬᠤᠳᠠᠯᠳᠤᠨ ᠠᠪᠬᠤ᠂ ᠰᠢᠲᠠᠭᠠᠯᠭ᠎ᠠ ᠶᠢᠨ ᠲᠤᠰᠤᠨ ᠤ ᠨᠦᠬᠦᠪᠦᠷᠢ ᠳᠤ ᠬᠡᠷᠡᠭᠯᠡᠨ᠂ 500 ᠲᠦᠮᠡᠨ ᠺᠢᠯᠤᠭ᠍ᠷᠠᠮ ᠨᠦᠬᠦᠪᠤᠷᠢ ᠲᠠᠢ ᠡᠪᠡᠰᠦ᠂ 200 ᠲᠦᠮᠡᠨ ᠺᠢᠯᠤᠭ᠍ᠷᠠᠮ ᠨᠦᠬᠦᠪᠤᠷᠢ ᠲᠠᠢ ᠪᠤᠷᠳᠤᠭ᠎ᠠ ᠶᠢ ᠲᠤᠰᠪᠤᠷᠢ ᠲᠠᠷᠬᠠᠭᠠᠵᠦ᠂ ᠲᠤᠰᠠᠯᠠᠮᠵᠢ ᠶᠢᠨ ᠡᠪᠡᠰᠤ 140 ᠲᠦᠮᠡᠨ ᠺᠢᠯᠤᠭ᠍ᠷᠠᠮ ᠲᠠᠷᠬᠠᠭᠠᠨ᠂ 550 ᠲᠦᠮᠡᠨ ᠺᠢᠯᠤᠭ᠍ᠷᠠᠮ ᠡᠪᠡᠰᠤ ᠲᠦᠪᠯᠡᠷᠡᠭᠦᠯᠦᠨ ᠬᠠᠳᠠᠭᠠᠯᠠᠵᠡᠢ᠃     ︵ᠲᠦᠷᠪᠡ︶ ᠭᠤᠷᠪᠠᠳᠤᠭᠠᠷ ᠠᠵᠤ ᠦᠢᠯᠡᠰ ᠡᠳᠦᠷ ᠢᠷᠡᠭᠦᠶ᠎ᠡ ᠦᠷᠨᠢᠭᠦᠨ ᠪᠤᠯᠪᠠ᠃ ᠵᠤᠭᠠᠴᠠᠯ᠂ ᠠᠷᠠᠯᠵᠢᠶ᠎ᠡ ᠬᠤᠳᠠᠯᠳᠤᠭ᠎ᠠ᠂ ᠢᠳᠡᠭᠡᠨ ᠤᠮᠳᠠᠭᠠᠨ ᠵᠦᠭᠡᠭᠡᠪᠦᠷᠢ ᠵᠡᠷᠭᠡ ᠦᠢᠯᠡᠴᠢᠯᠡᠭᠡᠨ ᠤ ᠠᠵᠤ ᠦᠢᠯᠡᠰ ᠤᠨ ᠲᠡᠰ ᠲᠡᠪᠰᠢᠬᠦ ᠶᠢ ᠢᠳᠡᠪᠬᠢᠳᠡᠢ ᠠᠬᠢᠭᠤᠯᠪᠠ᠃ ᠶᠢᠨ ᠱᠠ ᠬᠤ᠋ ᠨᠠᠭᠤᠷ ᠤᠨ ᠵᠤᠭᠠᠴᠡᠯ ᠤᠨ ᠤᠷᠤᠨ᠂ ᠬᠤᠨ ᠭᠠᠯᠠᠭᠤ ᠨᠤᠭᠤ ᠭᠠᠵᠠᠷ ᠎ ᠤᠨ ᠵᠤᠭᠠᠴᠠᠯ ᠤᠨ ᠤᠷᠤᠨ ᠬᠢᠭᠡᠳ ᠰᠢᠷᠭ᠎ᠠ ᠶᠢᠨ ᠨᠠᠭᠤᠷ ᠤᠨ ᠵᠤᠭᠠᠴᠠᠯ ᠤᠨ ᠤᠷᠤᠨ ᠤ ᠲᠦᠷᠦᠯ ᠵᠦᠢᠯᠡᠰ ᠠᠰᠢᠭᠯᠠᠯᠳᠠ ᠳᠤ ᠤᠷᠤᠪᠠ᠃ ︽ᠮᠠᠯᠴᠢᠨ ᠠᠶᠢᠯ ᠤᠨ ᠵᠤᠭᠠᠴᠠᠯ︾ 4 ᠨᠡᠮᠡᠭᠳᠡᠵᠦ᠂ ᠨᠡᠶᠢᠳᠡ 14 ᠪᠤᠯᠪᠠ᠃ ᠡᠯᠧᠺᠲᠷᠤᠨ ᠬᠤᠳᠠᠯᠳᠤᠭᠠᠨ ᠤ ᠶᠠᠪᠤᠳᠡᠯ ᠠᠩᠬ᠎ᠠ ᠠᠯᠬᠤᠮ ᠦᠷ᠎ᠡ ᠪᠦᠳᠦᠮᠵᠢ ᠤᠯᠪᠠ᠃ ᠮᠸᠡᠭ ᠱᠸᠡᠭ ᠮᠢᠬᠠᠨ ᠤ ᠠᠵᠤ ᠦᠢᠯᠡᠰ ᠪᠤᠯᠤᠨ ᠰᠢᠩ ᠺᠠᠢ ᠮᠢᠬᠠᠨ ᠤ ᠠᠵᠤ ᠦᠢᠯᠡᠰ ᠨᠢ ᠪᠠᠷᠤᠭ 300 ᠲᠦᠮᠡᠨ ᠲᠦᠬᠦᠷᠢᠭ ᠤᠨ ᠰᠦᠯᠵᠢᠶᠠᠨ ᠪᠤᠷᠤᠯᠠᠭᠤᠯᠭ᠎ᠠ ᠶᠢ ᠪᠡᠶᠡᠯᠡᠭᠦᠯᠵᠡᠢ᠃ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠦᠷᠦᠯ ᠤᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠤᠷᠢ ᠨᠢ ᠲᠤᠰ ᠲᠤᠰ 10.7 ᠪᠠ 20.5%᠎ ᠪᠠᠷ ᠨᠡᠮᠡᠭᠳᠡᠵᠡᠢ᠃ ᠲᠠᠭᠠᠳᠬᠠᠯ ᠤᠨ ᠲᠤᠬᠠᠶᠢᠯᠠᠭᠰᠠᠨ ᠠᠵᠢᠯ ᠤᠨ ᠤᠷᠤᠯᠭ᠎ᠠ ᠶᠢ 2722 ᠲᠦᠮᠡᠨ ᠲᠦᠭᠦᠷᠢᠭ ᠪᠡᠶᠡᠯᠡᠭᠦᠯᠵᠦ᠂ 4.6% ᠎ ᠪᠠᠷ ᠨᠡᠮᠡᠭᠳᠡᠵᠡᠢ᠃ ᠵᠢᠯ ᠤᠨ ᠨᠡᠶᠢᠭᠡᠮ ᠤᠨ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠠᠷᠤᠩᠬᠡᠢ ᠦᠷᠳᠡᠭ 7.7 ᠳ᠋ᠦᠩᠰᠢᠭᠤᠷ ᠲᠦᠭᠦᠷᠢᠭ ᠲᠤ ᠬᠦᠷᠴᠦ᠂ 7.1%  ᠎ ᠪᠠᠷ ᠨᠡᠮᠡᠭᠳᠡᠪᠡ᠃ ᠠᠶᠠᠨᠴᠢᠨ ᠪᠠ ᠪᠠᠷᠠᠭᠠᠨ ᠤ ᠵᠦᠭᠡᠭᠡᠪᠦᠷᠢ᠂ ᠰᠢᠤᠳᠡᠨ ᠴᠢᠮᠡᠭᠡ ᠬᠤᠯᠪᠤᠭᠠᠨ ᠤ ᠦᠢᠯᠡᠰ ᠵᠡᠷᠭᠡ ᠠᠵᠢᠯ ᠦᠢᠯᠡᠰ ᠲᠤᠭᠲᠠᠭᠤᠨ ᠢᠶᠠᠷ ᠬᠦᠭᠵᠢᠪᠡ᠃     ︵ᠲᠠᠪᠤ︶ ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠡᠶᠢᠵᠢᠷᠠᠪᠠ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠲᠦᠷᠢᠮ ᠪᠠ ᠡᠨᠧᠷᠬᠢ ᠠᠷᠪᠢᠯᠠᠵᠦ ᠪᠤᠬᠢᠷᠳᠦᠯ ᠢ ᠪᠠᠭᠠᠰᠬᠠᠬᠤ ᠴᠢᠭᠯᠡᠯᠳᠡ᠂ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ᠤᠷᠴᠢᠨ ᠲᠤᠭᠤᠷᠢᠨ ᠢ ᠶᠠᠷᠤᠩᠬᠡᠶᠢᠯᠡᠨ ᠵᠠᠰᠠᠬᠤ ᠪᠠ ᠤᠷᠴᠢᠨ ᠲᠤᠭᠤᠷᠢᠨ ᠤ ᠬᠠᠤᠯᠢ ᠬᠡᠷᠡᠭᠵᠢᠭᠦᠯᠬᠦ ᠬᠦᠴᠦᠯᠡᠴᠨ ᠪᠠᠨ ᠨᠡᠮᠡᠭᠳᠡᠭᠦᠯᠵᠦ᠂ ᠤᠯᠤᠰ ᠤᠨ ᠰᠢᠶᠡᠨ ᠤ ᠤᠷᠤᠨ ᠲᠤᠭᠤᠷᠢᠭ ᠎ ᠤᠨ ᠠᠮᠢ ᠠᠬᠤᠢ ᠶᠢᠨ ᠴᠢᠳᠠᠮᠵᠢ ᠶᠢᠨ ᠤᠷᠤᠨ ᠤ ᠬᠢᠨᠠᠨ ᠰᠢᠯᠭᠠᠯᠳᠠ ᠪᠤᠯᠤᠨ ᠶᠡᠷᠤᠩᠬᠡᠢ ᠬᠡᠮᠵᠢᠶᠡᠨ ᠤ ᠪᠤᠬᠢᠷᠳᠦᠯ ᠢ ᠭᠠᠳᠠᠭᠰᠢᠯᠠᠭᠤᠯᠬᠤ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠪᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠤᠯᠭᠤᠬᠤ ᠲᠠᠯᠠᠪᠠᠢ 843 ᠮᠤ᠋᠂ ᠨᠠᠶᠢᠳᠡ ᠶᠢᠨ ᠠᠰᠠᠷᠠᠮᠵᠢ ᠶᠢᠨ ᠨᠦᠬᠦᠪᠤᠷᠢ ᠶᠢᠨ ᠤᠢ ᠶᠢᠨ ᠲᠠᠯᠠᠪᠠᠢ 155.7 ᠲᠦᠮᠡᠨ ᠮᠤ᠋ ᠳᠤ ᠬᠦᠷᠴᠦ᠂ ᠲᠤᠰ ᠲᠤᠰ 6804 ᠲᠦᠮᠡᠨ ᠲᠦᠭᠦᠷᠢᠭ ᠪᠠ 2273.1 ᠲᠦᠮᠡᠨ ᠲᠦᠭᠦᠷᠢᠭ ᠤᠨ ᠨᠦᠬᠦᠪᠤᠷᠢ ᠱᠠᠩᠨᠠᠯ ᠤᠨ ᠮᠦᠩᠬᠦ ᠶᠢ ᠲᠠᠷᠬᠠᠭᠠᠵᠠᠢ᠃ ᠪᠡᠭᠡᠵᠢᠩ ᠲᠢᠶᠠᠨᠵᠢᠨ ᠤ ᠰᠡᠯᠬᠢ ᠡᠯᠡᠰᠦᠨ ᠤ ᠡᠬᠢ ᠶᠢ ᠵᠠᠰᠠᠭᠰᠠᠨ ᠲᠠᠯᠠᠪᠠᠢ 5.7 ᠲᠦᠮᠡᠨ ᠮᠤ᠋ ᠳᠤ ᠬᠦᠷᠴᠡᠢ︔ ᠭᠤᠤᠯᠳᠠᠯᠭ᠎ᠠ ᠲᠠᠢ ᠤᠷᠤᠨ ᠤ ᠨᠤᠭᠤᠭᠠᠷᠠᠭᠤᠯᠤᠯᠳᠠ ᠶᠢᠨ ᠲᠠᠯᠠᠪᠠᠢ 1800 ᠮᠤ᠋ ᠳᠤ ᠬᠦᠷᠪᠡ︔ ᠲᠠᠯ᠎ᠠ ᠨᠤᠳᠤᠭ ᠤᠢ ᠰᠢᠭᠤᠢ ᠶᠢᠨ ᠬᠤᠯᠤᠭᠠᠨ᠎ᠡ ᠬᠤᠷᠤᠬᠠᠢ ᠶᠢᠨ ᠭᠠᠮᠰᠢᠭ ᠬᠦᠨᠤᠭᠡᠯ ᠠᠴᠠ ᠰᠡᠷᠬᠡᠶᠢᠯᠡᠨ ᠵᠠᠰᠠᠬᠤ ᠬᠢᠵᠢᠭ ᠪᠠᠶᠢᠴᠠᠭᠠᠭᠰᠠᠨ ᠲᠠᠯᠠᠪᠠᠢ 86.1 ᠲᠦᠮᠡᠨ ᠮᠤ᠋ ᠪᠠᠶᠢᠵᠦ᠂ 32 ᠭᠠᠴᠠᠭᠠᠨ ᠤ 3490 ᠡᠷᠤᠭᠡ ᠶᠢᠨ 520 ᠲᠦᠮᠡᠨ ᠮᠤ᠋ ᠨᠤᠳᠤᠭ ᠪᠡᠯᠴᠢᠭᠡᠷ ᠤᠨ ᠡᠷᠭᠡ ᠶᠢ ᠲᠤᠳᠤᠯᠠᠨ ᠲᠤᠭᠳᠠᠭᠠᠬᠤ ᠠᠵᠢᠯ ᠢ ᠪᠡᠶᠡᠯᠡᠭᠦᠯᠵᠦ᠂ ᠭᠠᠵᠠᠷ ᠰᠢᠷᠦᠢ ᠶᠢ ᠴᠡᠭᠴᠡᠯᠡᠨ ᠵᠠᠰᠠᠬᠤ 4 ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠪᠠᠷ 815.7 ᠮᠤ᠋ ᠲᠠᠷᠢᠶᠠᠨ ᠭᠠᠵᠠᠷ ᠨᠡᠮᠡᠭᠳᠡᠪᠡ︔ ︽ᠭᠤᠷᠪᠠᠨ ᠲᠤᠭᠤᠷᠢᠭ ᠬᠤᠶᠠᠷ ᠱᠤᠭᠤᠮ︾ ᠵᠢᠴᠢ 21 ᠠᠭᠤᠷᠬᠠᠢ ᠶᠢᠨ 43 ᠬᠠᠶᠠᠭᠳᠠᠮᠠᠯ ᠭᠠᠵᠠᠷ ᠢ 553 ᠮᠤ᠋ ᠵᠠᠰᠠᠵᠡᠢ᠃  ᠠᠭᠤᠷᠬᠠᠢ ᠶᠢᠨ ᠤᠷᠴᠢᠨ ᠲᠤᠭᠤᠷᠢᠨ ᠢ 465 ᠮᠤ᠋ ᠵᠠᠰᠠᠨ ᠰᠡᠶᠢᠵᠢᠷᠠᠭᠤᠯᠵᠡᠢ᠃ ᠪᠦᠬᠦ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠢ ᠠᠷᠪᠢᠯᠡᠨ ᠭᠠᠮᠨᠠᠬᠤ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠵᠦ᠂ ᠭᠠᠵᠠᠷ ᠰᠢᠷᠦᠢ ᠶᠢᠨ ᠶᠠᠮᠤᠨ ᠤ ᠬᠢᠨᠠᠨ ᠰᠢᠯᠭᠠᠯᠳᠠ ᠶᠢ ᠦᠩᠭᠡᠷᠡᠪᠡ᠃ ᠦᠨᠳᠦᠷ ᠤᠨᠠᠯᠳᠠᠳᠦ ᠡᠪᠡᠰᠦ ᠪᠤᠷᠳᠤᠭᠠᠨ ᠰᠠᠭᠤᠷᠢᠨ ᠎ ᠤ ᠬᠠᠮᠢᠶᠠᠷᠤᠯᠳᠠ ᠪᠠᠨ ᠴᠢᠩᠭᠠᠳᠬᠠᠵᠦ᠂ ᠡᠪᠡᠰᠦ ᠪᠤᠷᠳᠤᠭ᠎ᠠ ᠲᠠᠷᠢᠬᠤ ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠭᠦᠯᠪᠠ᠃ ᠲᠠᠯ᠎ᠠ ᠨᠤᠳᠤᠭ ᠤᠢ ᠰᠢᠭᠤᠢ ᠶᠢᠨ ᠭᠠᠯ ᠢ ᠰᠡᠷᠬᠡᠶᠢᠯᠡᠬᠦ ᠤᠳᠤᠷᠢᠳᠤᠯᠭ᠎ᠠ ᠶᠢᠨ ᠬᠠᠷᠢᠭᠤᠴᠠᠯᠭ᠎ᠠ ᠎ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠪᠦᠬᠦ ᠵᠢᠯ ᠳᠤ ᠤᠨᠴᠨ ᠶᠡᠭᠡ ᠲᠠᠯ᠎ᠡ ᠨᠤᠳᠤᠭ ᠤᠢ ᠰᠢᠭᠤᠢ ᠶᠢᠨ ᠭᠠᠯ ᠎ ᠤᠨ ᠠᠶᠤᠯ ᠭᠠᠷᠤᠭᠰᠠᠨ ᠦᠭᠡᠢ᠃     ︵ᠵᠢᠷᠭᠤᠭ᠎ᠠ︶ ᠬᠦᠭᠵᠢᠯᠳᠡ ᠶᠢᠨ ᠰᠠᠭᠤᠷᠢ ᠤᠯᠠᠮ ᠪᠠᠲᠤᠵᠢᠪᠠ᠃ 8124.3 ᠲᠦᠮᠡᠨ ᠲᠦᠭᠦᠷᠢᠭ ᠤᠨ ᠪᠡᠯᠨ ᠤᠷᠤᠭᠤᠯᠵᠦ᠂ 17 ᠭᠠᠴᠠᠭ᠎ᠠ ᠲᠤᠰᠬᠤᠨ ᠳᠤ ᠨᠡᠪᠳᠡᠷᠡᠬᠦ 140.4 ᠺᠢᠯᠤᠮᠧᠲᠷ ᠵᠠᠰᠠᠮᠠᠯ ᠵᠠᠮ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠡᠢ᠃ ᠤᠯᠤᠰ ᠤᠨ ᠵᠠᠮ ᠤᠨ 510 ᠱᠤᠭᠤᠮ ᠤᠨ ᠮᠢᠩᠭᠠᠳᠦ ᠠᠴᠠ ᠬᠠᠪᠢᠷᠠᠭ᠎ᠠ ᠬᠦᠷᠬᠦ ᠭᠡᠰᠡᠭ᠂ ᠮᠤᠵᠢ ᠶᠢᠨ ᠵᠠᠮ ᠤᠨ 222 ᠱᠤᠭᠤᠮ ᠤᠨ ᠮᠢᠩᠭᠠᠳᠦ ᠠᠴᠠ ᠤᠯᠠᠭᠠᠨᠴᠡᠪ ᠬᠦᠷᠬᠦ ᠭᠡᠰᠡᠭ᠂ ᠮᠤᠵᠢ ᠶᠢᠨ ᠵᠠᠮ ᠤᠨ 313 ᠱᠤᠭᠤᠮ ᠤᠨ ᠮᠢᠩᠭᠠᠳᠦ ᠠᠴᠠ ᠰᠢᠨᠡᠪᠤᠯᠠᠭ ᠬᠦᠷᠬᠦ ᠭᠡᠰᠡᠭ᠂ ᠰᠢᠶᠡᠨ ᠤ ᠵᠠᠮ ᠤᠨ 518 ᠱᠤᠭᠤᠮ ᠎ ᠤᠨ ᠮᠢᠩᠭᠠᠳᠦ ᠠᠴᠠ ᠰᠢᠩ ᠶᠤᠤ ᠬᠦᠷᠬᠦ ᠵᠠᠰᠠᠮᠠᠯ ᠵᠠᠮ ᠤᠨ ᠭᠡᠰᠡᠭ ᠢ ᠵᠠᠰᠠᠨ ᠦᠭᠡᠷᠡᠴᠢᠯᠡᠬᠦ ᠢᠨᠵᠧᠨᠧᠷᠢᠩ ᠤᠨ ᠡᠯ᠎ᠡ ᠲᠦᠷᠦᠯ ᠤᠨ ᠡᠮᠤᠨ᠎ᠡ ᠬᠤᠭᠤᠴᠠᠭᠠᠨ ᠤ ᠠᠵᠢᠯ ᠢ ᠢᠳᠡᠪᠬᠢᠳᠡᠢ ᠲᠦᠯᠬᠢᠨ ᠠᠬᠢᠭᠤᠯᠪᠠ᠃ ᠵᠢᠢ ᠲᠦᠡᠭ ᠲᠡᠮᠤᠷ ᠵᠠᠮ ᠤᠨ ᠴᠢᠳᠠᠮᠵᠢ ᠶᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠡᠭᠦᠷᠭᠡ ᠶᠢ 90%᠎ ᠠᠴᠠ ᠳᠡᠭᠡᠭᠰᠢ ᠪᠡᠶᠡᠯᠡᠭᠦᠯᠵᠦ᠂ ᠵᠠᠷᠢᠮ ᠭᠡᠰᠡᠭ ᠨᠢ ᠬᠤᠤᠰ ᠱᠤᠭᠤᠮ ᠢᠶᠠᠷ ᠨᠡᠪᠳᠡᠷᠡᠬᠦ ᠶᠢ ᠪᠡᠶᠡᠯᠡᠭᠦᠯᠵᠡᠢ᠃ 1204 ᠲᠦᠮᠡᠨ ᠲᠦᠭᠦᠷᠢᠭ ᠤᠨ ᠪᠡᠯᠨ ᠤᠷᠤᠭᠤᠯᠵᠦ᠂ ᠮᠢᠩᠭᠠᠳᠦ ᠪᠠᠯᠭᠠᠰᠦᠨ ᠤ ᠵᠡᠭᠦᠨᠳᠡᠬᠢ ᠦᠶᠡᠷ ᠢ ᠰᠡᠷᠬᠡᠶᠢᠯᠡᠬᠦ ᠢᠨᠵᠧᠨᠧᠷᠢᠩ ᠢ ᠪᠡᠶᠡᠯᠡᠭᠦᠯᠵᠦ᠂ 4.1 ᠺᠢᠯᠤᠮᠧᠲᠷ ᠭᠤᠤᠯ ᠤᠨ ᠦᠶᠡᠷ ᠢ ᠵᠠᠯᠠᠬᠤ ᠱᠤᠭᠤᠮ ᠢ ᠨᠡᠪᠳᠡᠷᠡᠭᠦᠯᠵᠦ᠂ 8 ᠺᠢᠯᠤᠮᠧᠲᠷ ᠲᠠᠯᠡᠩ᠂ 5 ᠺᠢᠯᠤᠮᠧᠲᠷ ᠤᠨ ᠬᠦᠪᠡᠭᠡᠨ ᠤ ᠬᠠᠰᠢᠯᠭ᠎ᠠ ᠪᠠᠶᠢᠭᠤᠯᠵᠡᠢ᠃ 1.36 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠦ᠂ ᠨᠡᠷᠡᠳᠦ ᠶᠢᠨ 110 ᠺᠢᠯᠤᠸᠠᠲ ᠤᠨ ᠴᠡᠬᠢᠯᠭᠠᠨ ᠬᠦᠴᠦᠳᠡᠯ ᠦᠭᠡᠷᠡᠴᠢᠯᠡᠬᠦ ᠢᠨᠵᠧᠨᠧᠷᠢᠩ ᠢ ᠠᠰᠢᠭᠯᠠᠯᠳᠠ ᠳᠤ ᠤᠷᠤᠭᠤᠯᠤᠨ᠂ ᠮᠢᠩᠭᠠᠳᠦ ᠠᠴᠠ ᠲᠤᠱᠢ ᠬᠦᠷᠬᠦ 110 ᠺᠢᠯᠤᠸᠠᠲ ᠤᠨ ᠬᠤᠤᠰ ᠱᠤᠭᠤᠮ ᠤᠨ ᠴᠡᠬᠢᠯᠭᠠᠨ ᠬᠦᠷᠭᠡᠬᠦ ᠢᠨᠵᠧᠨᠧᠷᠢᠩ᠂ ᠬᠠᠨ ᠬᠠᠢ ᠬᠤᠤᠰ ᠱᠤᠭᠤᠮ ᠢᠶᠠᠷ ᠴᠡᠬᠢᠯᠭᠠᠨ ᠬᠦᠷᠭᠡᠬᠦ ᠢᠨᠵᠧᠨᠧᠷᠢᠩ ᠨᠢ ᠪᠠᠷᠢᠯᠭ᠎ᠠ ᠡᠬᠢᠯᠡᠵᠦ᠂ 35 ᠺᠢᠯᠤᠸᠠᠲ ᠤᠨ ᠴᠡᠬᠢᠯᠭᠠᠨ ᠬᠤᠪᠢᠰᠬᠠᠭᠤᠷ ᠤᠨ ᠦᠷᠳᠡᠭᠡ ᠶᠢᠨ ᠪᠠᠭᠲᠠᠭᠠᠮᠵᠢ ᠶᠢ ᠨᠡᠮᠡᠭᠳᠡᠭᠦᠯᠦᠨ ᠪᠠᠶᠢᠭᠤᠯᠬᠤ ᠲᠦᠷᠦᠯ ᠵᠦᠢᠯ 3᠎ ᠶᠢ ᠬᠡᠷᠡᠭᠵᠢᠭᠦᠯᠵᠡᠢ᠃ 4.07 ᠳ᠋ᠦᠩᠰᠢᠭᠤᠷ ᠲᠦᠭᠦᠷᠢᠭ ᠤᠨ ᠪᠡᠯᠨ ᠮᠦᠩᠭᠦ ᠶᠢ ᠨᠡᠶᠢᠯᠡᠭᠦᠯᠦᠨ᠂ 62 ᠭᠠᠴᠠᠭ᠎ᠠ ᠲᠤᠰᠬᠤᠨ᠂ 220 ᠪᠠᠶᠢᠭᠠᠯᠢ ᠶᠢᠨ ᠲᠤᠰᠬᠤᠨ ︵ᠬᠤᠳᠡ︶᠎ ᠳᠤ ︽ᠠᠷᠪᠡ ᠶᠢ ᠪᠦᠷᠭᠦᠭᠦᠯᠬᠦ︾ ᠢᠨᠵᠧᠨᠧᠷᠢᠩ ᠢ ᠭᠡᠷᠡᠭᠵᠢᠭᠦᠯᠵᠦ᠂ 3000 ᠡᠷᠤᠭᠡ ᠶᠢᠨ ᠨᠤᠷᠠᠬᠤ ᠠᠶᠤᠯᠳᠡᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠵᠦ᠂ 151.7 ᠺᠢᠯᠤᠮᠧᠲᠷ ᠤᠨ ᠵᠡᠭᠡᠯᠢ ᠭᠤᠳᠦᠮᠵᠢ ᠶᠢ ᠬᠠᠳᠠᠭᠤᠷᠠᠭᠤᠯᠵᠦ᠂ 390 ᠰᠠᠭᠤᠷᠢ ᠲᠠᠷᠬᠠᠢ ᠪᠠᠷ ᠤᠰᠤ ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠮᠠᠯᠴᠢᠨ ᠲᠠᠷᠢᠶᠠᠴᠢᠨ ᠎ ᠤ ᠰᠠᠭᠤᠬᠤ ᠭᠡᠷ ᠤᠨ ᠠᠮᠤᠷ ᠲᠥᠪᠰᠢᠨ᠂ ᠶᠠᠪᠤᠵᠤ ᠰᠠᠭᠤᠬᠤ ᠳᠤ ᠲᠦᠭᠦᠮ ᠦᠵᠡᠭᠦᠯᠦᠭᠰᠡᠨ ᠪᠦᠭᠡᠳ 7215 ᠬᠦᠮᠦᠨ ᠪᠠ 4.89 ᠲᠦᠮᠡᠨ ᠮᠠᠯ ᠤᠨ ᠠᠮᠤᠷ ᠲᠦᠪᠰᠢᠨ ᠤᠰᠦᠨ ᠤ ᠠᠰᠠᠭᠤᠳᠡᠯ ᠢ ᠰᠡᠶᠢᠵᠢᠷᠠᠭᠤᠯᠤᠭᠰᠠᠨ ᠪᠤᠶᠤ ᠰᠢᠢᠳᠪᠦᠷᠢᠯᠡᠵᠡᠢ᠃ ᠡᠭᠦᠨ ᠤ ᠬᠠᠮᠲᠦ ᠤᠷᠤᠨ ᠰᠠᠭᠤᠴᠠ ᠶᠢᠨ ᠤᠷᠴᠢᠨ ᠲᠤᠭᠤᠷᠢᠨ ᠢ ᠵᠠᠰᠠᠨ ᠴᠡᠭᠴᠡᠯᠡᠬᠦ ᠠᠵᠢᠯ ᠢ ᠶᠡᠬᠡᠪᠡᠷ ᠦᠷᠨᠢᠭᠦᠯᠦᠨ᠂ ᠲᠤᠰᠬᠤᠨ ᠤ ᠲᠦᠷᠢ ᠳᠦᠷᠬᠦ ᠶᠢ ᠶᠡᠬᠡᠪᠡᠷ ᠰᠠᠶᠢᠵᠢᠷᠠᠭᠤᠯᠵᠡᠢ᠃ 1.66 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠤᠨ᠂ ᠮᠢᠩᠭᠠᠳᠦ ᠪᠠᠯᠭᠠᠰᠦᠨ ᠤ ᠤᠰᠦᠨ ᠤ ᠴᠢᠨᠠᠷ ᠢ ᠲᠡᠭᠡᠭᠰᠢᠯᠡᠭᠦᠯᠬᠦ᠂ ᠬᠠᠭᠤᠴᠢᠨ ᠤᠷᠤᠨ ᠰᠠᠭᠤᠴᠨ ᠶᠢ ᠵᠠᠰᠠᠬᠤ᠂ ᠲᠤᠭᠠᠴᠢᠯᠠᠭᠰᠠᠨ ᠬᠠᠮᠢᠶᠠᠷᠤᠯᠳᠠ᠂ ᠵᠠᠮ ᠤᠨ ᠬᠠᠳᠠᠭᠤᠷᠠᠯᠳᠠ ᠪᠠ ᠵᠠᠮ ᠬᠠᠷᠢᠯᠴᠠᠭᠠᠨ ᠤ ᠰᠠᠭᠠᠳ ᠦᠭᠡᠢ ᠨᠡᠪᠳᠡᠷᠡᠬᠦ᠂ ᠨᠤᠭᠤᠭᠠᠷᠠᠭᠤᠯᠤᠯᠳᠠ᠂ ᠬᠡᠷᠡᠯᠳᠦᠭᠦᠯᠭᠡ᠂ ᠪᠤᠬᠢᠷᠳᠦᠯ ᠢ ᠵᠠᠰᠠᠬᠤ ᠵᠡᠷᠭᠡ ᠲᠤᠯᠤᠭᠠᠨ ᠲᠦᠷᠦᠯ ᠤᠨ ᠬᠤᠳᠠ ᠶᠢᠨ ᠪᠠᠶᠢᠭᠤᠯᠤᠯᠳᠠ ᠵᠢᠴᠢ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠪᠡ᠃ ᠮᠢᠩᠭᠠᠳᠦ ᠪᠠᠯᠭᠠᠰᠦᠨ ᠤ ᠲᠦᠪᠯᠡᠷᠡᠭᠦᠯᠦᠨ ᠤᠰᠤ ᠬᠠᠩᠭᠠᠬᠤ ᠦᠢᠯᠡᠳᠪᠤᠷᠢ ᠨᠢ ᠲᠤᠷᠰᠢᠨ ᠬᠡᠷᠡᠭᠯᠡᠬᠦ ᠱᠠᠳᠦᠨ ᠳᠤ ᠤᠷᠤᠵᠤ᠂ ᠤᠰᠤ ᠳᠠᠲᠠᠬᠤ ᠢᠨᠵᠧᠨᠧᠷᠢᠩ ᠤᠨ ᠨᠢᠭᠡ ᠪᠦᠯᠦᠭ ᠬᠤᠭᠤᠯᠠᠢ ᠲᠤᠤᠷ ᠪᠠ 2 ᠤᠰᠦ ᠲᠠᠳᠠᠬᠤ ᠢᠨᠵᠧᠨᠧᠷᠢᠩ ᠤᠨ ᠤᠰᠤᠨ ᠰᠢᠬᠠᠭᠤᠷ ᠎ ᠤᠨ ᠦᠷᠳᠡᠭᠡᠨ ᠤ ᠭᠤᠤᠯ ᠴᠤᠭᠴᠨ ᠶᠢᠨ ᠢᠨᠵᠧᠨᠧᠷᠢᠩ ᠢ ᠳᠠᠭᠤᠰᠬᠠᠵᠡᠢ᠃ 520 ᠬᠤᠳᠡ ᠪᠠᠯᠭᠠᠰᠦᠨ ᠤ ᠪᠠᠳᠤᠯᠠᠭᠠᠳᠦ ᠤᠷᠤᠨ ᠰᠠᠭᠤᠴᠨ ᠤᠨ ᠪᠠᠶᠢᠭᠤᠯᠤᠯᠳᠠ ᠶᠢᠨ ᠪᠠᠷᠢᠯᠭ᠎ᠠ ᠡᠬᠢᠯᠠᠵᠦ᠂ 364 ᠡᠷᠤᠭᠡ ᠪᠤᠷᠤ ᠭᠡᠷ ᠲᠤᠭᠤᠷᠢᠭ ᠤᠨ ᠭᠡᠷ ᠪᠠᠶᠢᠰᠢᠩ ᠢ ᠨᠤᠷᠠᠭᠠᠨ ᠨᠡᠭᠦᠯᠭᠡᠪᠡ︔ 5 ᠲᠦᠮᠡᠨ ᠲᠩᠰᠢ ᠲᠦᠷᠪᠡᠯᠵᠢᠨ ᠮᠧᠲᠷ ᠤᠨ ᠶᠠᠪᠠᠭᠠᠨ ᠵᠠᠮ ᠳᠤ ᠲᠤᠭᠤᠰᠬ᠎ᠠ ᠲᠠᠪᠢᠰᠴᠡᠢ︔ ᠰᠢᠨ᠎ᠡ ᠪᠠᠷ 10.6 ᠲᠦᠮᠡᠨ ᠲᠩᠰᠢ ᠲᠦᠷᠪᠡᠯᠵᠢᠨ ᠮᠧᠲᠷ ᠬᠤᠳᠡ ᠪᠠᠯᠭᠠᠰᠦᠨ ᠎ ᠤ ᠨᠤᠭᠤᠭᠠᠷᠠᠭᠤᠯᠤᠯᠳᠠ ᠶᠢ ᠪᠡᠶᠡᠯᠡᠭᠦᠯᠵᠦ᠂ ᠮᠢᠩᠭᠠᠳᠦ ᠪᠠᠯᠭᠠᠰᠦᠨ ᠠᠴᠠ ᠮᠤᠵᠢ ᠶᠢᠨ ᠵᠠᠮ ᠬᠦᠷᠬᠦ ᠭᠡᠰᠡᠭ ᠲᠤ 219 ᠵᠠᠮ ᠤᠨ ᠳ᠋ᠸᠡᠭ ᠤᠭᠰᠠᠷᠠᠪᠠ︔ 6.5 ᠺᠢᠯᠤᠮᠧᠲᠷ ᠳᠤᠯᠠᠭᠠᠯᠠᠭ᠎ᠠ ᠶᠢᠨ ᠬᠤᠭᠤᠯᠡᠢ ᠶᠢ ᠰᠢᠨ᠎ᠡ ᠪᠠᠷ ᠲᠠᠪᠢᠰᠴᠦ ᠂ ᠰᠢᠨ᠎ᠡ ᠪᠠᠷ 8 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠳᠤ ᠳᠤᠯᠠᠭᠠᠯᠠᠭ᠎ᠠ ᠬᠠᠩᠭᠠᠵᠦ ᠴᠢᠳᠠᠬᠤ ᠪᠤᠯᠵᠤ ᠲᠦᠪᠯᠡᠷᠡᠭᠦᠯᠦᠨ ᠲᠤᠯᠠᠭᠠᠯᠠᠭ᠎ᠠ ᠬᠠᠩᠭᠠᠬᠤ ᠨᠤᠷᠮ᠎ᠠ 53.6%᠎ ᠳᠤ  ᠬᠦᠷᠭᠡᠵᠡᠢ︔ 5 ᠰᠠᠭᠤᠷᠢ ᠤᠰᠤ ᠪᠠᠷ ᠵᠡᠶᠢᠯᠠᠬᠤ ᠵᠤᠷᠯᠦᠩ ᠢ ᠰᠢᠨ᠎ᠡ ᠪᠠᠷ ᠪᠠᠶᠢᠭᠤᠯᠵᠡᠢ︔ ᠮᠢᠩᠭᠠᠳᠦ ᠪᠠᠯᠭᠠᠰᠦᠨ ᠤ ᠪᠤᠵᠡᠷ ᠤᠰᠦ ᠰᠶᠢᠳᠪᠦᠷᠢᠯᠡᠬᠦ ᠦᠢᠯᠡᠳᠪᠤᠷᠢ ᠪᠠ ᠬᠤᠭ ᠨᠤᠪᠰᠢ ᠶᠢ ᠪᠤᠭᠢᠷᠳᠤᠯ ᠦᠭᠡᠢ ᠰᠢᠢᠳᠪᠦᠷᠢᠯᠡᠬᠦ ᠲᠠᠯᠠᠪᠤᠷ ᠲᠦᠷᠢᠮᠵᠢᠨ ᠠᠵᠢᠯᠯᠠᠬᠤ ᠶᠢ ᠠᠬᠢᠭᠤᠯᠪᠠ᠃     ︵ᠲᠤᠯᠤᠭ᠎ᠠ︶ ᠠᠷᠠᠳ ᠤᠨ ᠠᠮᠢᠳᠦᠷᠠᠯ ᠤᠨ ᠪᠠᠳᠤᠯᠠᠭ᠎ᠠ ᠤᠯᠡᠮ ᠴᠢᠩᠭᠠᠷᠠᠪᠠ᠃ ᠪᠦᠬᠦ ᠵᠢᠯ ᠳᠤ ᠠᠷᠠᠳ ᠤᠨ ᠠᠮᠢᠳᠦᠷᠡᠯ ᠳᠤ 9.1 ᠳ᠋ᠦᠩᠰᠢᠭᠤᠷ ᠲᠦᠭᠦᠷᠢᠭ ᠤᠨ ᠵᠠᠷᠤᠯᠭ᠎ᠠ ᠤᠷᠤᠭᠤᠯᠵᠤ᠂ 11.8%  ᠎ ᠪᠠᠷ ᠨᠡᠮᠡᠭᠳᠡᠵᠦ᠂ ᠤᠯᠡᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 85.9%᠎ ᠶᠢ ᠡᠵᠡᠯᠡᠪᠡ᠃ ᠠᠵᠢᠯ ᠤᠯᠭᠤᠯᠳᠠ ᠪᠠ ᠦᠢᠯᠡᠰ ᠪᠦᠳᠦᠭᠡᠬᠦ ᠶᠢ ᠯᠠᠪᠳᠠᠭᠤᠨ ᠠᠬᠢᠭᠤᠯᠵᠦ᠂ ᠬᠤᠳᠠ ᠪᠠᠯᠭᠠᠰᠦᠨ ᠤ ᠰᠢᠨ᠎ᠡ ᠪᠠᠷ ᠠᠵᠢᠯ ᠤᠯᠭᠤᠭᠰᠠᠨ ᠬᠦᠮᠦᠨ 1260 ᠪᠠᠶᠢᠵᠦ᠂ 2020 ᠮᠠᠯᠴᠢᠨ ᠲᠠᠷᠢᠶᠡᠴᠢᠨ ᠢ ᠰᠢᠯᠵᠢᠭᠦᠯᠦᠨ ᠠᠵᠢᠯ ᠤᠯᠭᠤᠵᠦ᠂ ᠪᠠᠭ᠎ᠠ ᠲᠤᠭᠠᠨ ᠤ ᠵᠢᠭᠡᠯᠡᠯᠭᠡ 1837 ᠲᠦᠮᠡᠨ ᠲᠦᠭᠦᠷᠢᠭ ᠲᠠᠯᠪᠢᠵᠡᠢ︔ ᠠᠵᠢᠯ ᠦᠢᠯᠡᠰ ᠤᠨ ᠪᠠᠶᠢᠭᠤᠯᠭ᠎ᠠ ᠶᠢᠨ ᠠᠵᠢᠯᠳᠡᠨ ᠡᠯᠰᠡᠬᠦ᠂ ᠨᠡᠶᠢᠳᠡ ᠶᠢᠨ ᠠᠰᠠᠷᠠᠮᠵᠢ ᠶᠢᠨ ᠴᠢᠨᠠᠷᠳᠡᠢ ᠠᠵᠢᠯ ᠤᠨ ᠪᠠᠶᠢᠷᠢ ᠶᠢ ᠬᠠᠩᠭᠠᠬᠤ᠂ ᠦᠨᠳᠦᠰᠦᠨ ᠱᠠᠳᠦᠨ ᠳᠤ ᠦᠢᠯᠡᠴᠢᠯᠡᠬᠦ ᠠᠵᠢᠯ ᠤᠯᠭᠤᠯᠳᠠ ᠶᠢᠨ ᠲᠦᠯᠦᠪᠯᠡᠭᠡ ᠶᠢ ᠨᠡᠶᠢᠳᠠᠪᠤᠷᠢᠵᠢᠭᠤᠯᠬᠤ ᠵᠡᠷᠭᠡ ᠠᠷᠭ᠎ᠠ ᠵᠡᠮ ᠪᠠᠷ 77 ᠲᠡᠭᠦᠰᠦᠭᠰᠡᠨ ᠤᠶᠤᠳᠡᠳ ᠲᠤ ᠲᠤᠭᠳᠠᠭᠤᠨ ᠢᠶᠠᠷ ᠠᠵᠢᠯ ᠤᠯᠭᠤᠪᠠ︔ ᠶᠠᠳᠠᠭᠤ ᠶᠢ ᠲᠡᠳᠭᠦᠬᠦ ᠪᠤᠭᠤᠮᠳᠠ ᠰᠢᠪᠳᠤᠯᠬᠤ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠦ᠂ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠭᠦᠵᠦ ᠠᠷᠠᠳ ᠢ ᠪᠠᠶᠠᠵᠢᠭᠤᠯᠬᠤ ᠵᠢᠭᠡᠯᠡᠯᠭᠡ ᠶᠢ 2.1 ᠳ᠋ᠦᠩᠰᠢᠭᠤᠷ ᠲᠦᠭᠦᠷᠢᠭ ᠲᠠᠷᠬᠠᠭᠠᠨ᠂ ᠶᠠᠳᠠᠭᠤ ᠶᠢ ᠲᠡᠳᠭᠦᠬᠦ ᠲᠤᠰᠬᠠᠢ ᠡᠳ᠋ ᠤᠨ ᠵᠠᠰᠠᠭ ᠤᠨ ᠮᠦᠩᠭᠦ 900 ᠲᠦᠮᠡᠨ ᠲᠦᠭᠦᠷᠢᠭ ᠤᠷᠤᠭᠤᠯᠤᠨ᠂ 20 ᠭᠠᠴᠠᠭ᠎ᠠ ᠲᠤᠰᠬᠤᠨ ᠳᠤ ︽ᠭᠤᠷᠪᠠ ᠶᠢ ᠭᠠᠴᠠᠭᠠᠨ ᠳᠤ ᠬᠦᠷᠭᠡᠬᠦ᠂ ᠭᠤᠷᠪᠠ ᠶᠢ ᠡᠷᠤᠭᠡ ᠳᠤ ᠬᠦᠷᠭᠡᠬᠦ︾ ᠶᠠᠳᠠᠭᠤ ᠶᠢ ᠤᠨᠤᠪᠴᠢᠳᠡᠢ ᠲᠡᠳᠭᠦᠬᠦ ᠲᠦᠷᠦᠯ ᠵᠦᠢᠯ ᠢ ᠬᠡᠷᠡᠭᠵᠢᠭᠦᠯᠵᠦ᠂ 3297 ᠬᠦᠮᠦᠨ ᠢ ᠶᠠᠳᠠᠭᠤ ᠠᠴᠠ ᠠᠩᠬᠢᠵᠢᠷᠠᠭᠤᠯᠪᠠ᠃ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ᠂ ᠪᠤᠭᠤᠮᠲᠠ ᠶᠢᠨ ᠶᠠᠷᠥᠩᠭᠡᠢ ᠵᠠᠬᠢᠷᠭ᠎ᠠ᠂ ᠤᠷᠴᠢᠨ ᠲᠤᠭᠤᠷᠢᠨ ᠢ ᠬᠠᠮᠠᠭᠠᠯᠠᠬᠤ ᠲᠢᠩᠭᠢᠮ ᠵᠢᠴᠢ ᠠᠶᠢᠮᠠᠭ ᠤᠨ ᠶᠠᠳᠠᠭᠤ ᠶᠢ ᠲᠡᠳᠬᠦᠬᠦ ᠪᠠᠶᠢᠭᠤᠯᠤᠯᠭ᠎ᠠ ᠨᠤᠭᠤᠳ ᠤᠨ ᠬᠠᠪᠰᠣᠷᠤᠨ ᠲᠡᠳᠬᠦᠭᠰᠡᠨ ᠠᠮᠵᠢᠯᠲᠠ ᠪᠦᠲᠦᠭᠡᠯ ᠨᠢ ᠳᠤᠪᠤᠶᠢᠮ᠎ᠠ ᠪᠠᠶᠢᠨ᠎ᠠ᠃ ᠲᠤᠤᠷ᠎ᠡ ᠤᠷᠤᠯᠭ᠎ᠠ ᠲᠠᠢ ᠮᠠᠯᠴᠢᠨ ᠲᠠᠷᠢᠶᠠᠴᠢᠳ ᠎ ᠲᠤ ᠲᠤᠯᠠᠭᠠᠯᠠᠭ᠎ᠠ ᠶᠢᠨ ᠨᠡᠭᠦᠷᠡᠰᠦᠨ ᠤ ᠨᠦᠬᠦᠪᠤᠷᠢ 432.8 ᠲᠦᠮᠡᠨ ᠲᠦᠭᠦᠷᠢᠭ ᠲᠠᠷᠬᠠᠭᠠᠨ᠂ ᠭᠠᠮᠰᠢᠭᠳᠠᠭᠰᠠᠨ ᠶᠠᠳᠠᠭᠤ ᠬᠦᠴᠢᠷᠳᠡᠯᠳᠡᠢ ᠡᠷᠤᠭᠡ ᠳᠤ ᠲᠠᠩᠰᠨ ᠡᠪᠭᠡᠮᠡᠯ ᠪᠠᠶᠢᠭᠤᠯᠵᠦ ᠬᠠᠪᠤᠷ ᠤᠨ ᠮᠠᠯ ᠠᠵᠤ ᠠᠬᠤᠢ ᠲᠠᠷᠢᠶᠠᠯᠡᠩ ᠤᠨ ᠦᠢᠯᠡᠳᠪᠤᠷᠢᠯᠡᠯ ᠤᠨ ᠨᠦᠬᠦᠪᠤᠷᠢ 205.5 ᠲᠦᠮᠡᠨ ᠲᠦᠭᠦᠷᠢᠭ ᠲᠠᠷᠬᠠᠭᠠᠪᠠ᠃ ᠲᠤᠤᠷ᠎ᠡ ᠪᠠᠳᠤᠯᠠᠭ᠎ᠠ᠂ ᠲᠠᠪᠤᠨ ᠪᠠᠳᠤᠯᠠᠭᠠᠳᠦ ᠡᠷᠤᠭᠡ ᠶᠢ ᠨᠢᠭᠡᠳᠦᠯᠳᠡᠢ ᠠᠰᠠᠷᠠᠵᠦ ᠬᠠᠷᠠᠭᠠᠯᠵᠡᠬᠤ ᠬᠦᠮᠦᠨ ᠪᠦᠷᠢ ᠶᠢᠨ ᠲᠤᠮᠳᠡᠴᠢ ᠨᠦᠬᠦᠪᠤᠷᠢ ᠶᠢᠨ ᠪᠠᠷᠢᠮᠵᠢᠶ᠎ᠡ ᠶᠢ 15.0%᠎ ᠪᠠᠷ ᠨᠡᠮᠡᠭᠳᠡᠭᠦᠯᠪᠡ︔ ᠦᠨᠤᠴᠢᠨ ᠭᠡᠤᠭᠡᠳ᠂ ᠬᠤᠳᠡ ᠪᠠᠯᠭᠠᠰᠦᠨ ᠤ ︽ᠭᠤᠷᠪᠡᠨ ᠦᠭᠡᠢ ︾ ᠬᠦᠮᠦᠰ ᠤᠨ ᠨᠦᠬᠦᠪᠤᠷᠢ ᠶᠢᠨ ᠪᠠᠷᠢᠮᠵᠢᠶ᠎ᠡ ᠶᠢ ᠰᠠᠷ᠎ᠡ ᠪᠦᠷᠢ 100 ᠲᠦᠭᠦᠷᠢᠭ ᠦᠰᠭᠡᠪᠡ᠃ ᠰᠢᠨ᠎ᠡ ᠬᠡᠯᠪᠡᠷᠢ ᠎ ᠶᠢᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠬᠦᠮᠦᠨ ᠪᠦᠷᠢ ᠶᠢᠨ ᠲᠤᠮᠳᠠᠴᠢ ᠪᠠᠷᠢᠮᠵᠢᠶ᠎ᠡ ᠶᠢ ᠨᠠᠮᠡᠭᠳᠡᠭᠦᠯᠥᠨ 470 ᠲᠦᠭᠦᠷᠢᠭ ᠬᠦᠷᠭᠡᠵᠡᠢ︔ 1.5 ᠲᠦᠮᠡᠨ ᠡᠪᠡᠳᠴᠢᠳᠡᠨ ᠳᠤ ᠭᠤᠷᠪᠠᠨ ᠲᠦᠷᠦᠯ ᠤᠨ ᠲᠠᠭᠠᠳᠬᠠᠯ ᠤᠨ 2961 ᠲᠦᠮᠡᠨ ᠲᠦᠭᠦᠷᠢᠭ ᠢ ᠲᠠᠩᠰᠠ ᠠᠴᠠ ᠴᠠᠶᠢᠷᠠᠭᠤᠯᠪᠡ︔ ᠦᠨᠳᠦᠷ ᠨᠠᠰᠦᠳᠡᠨ ᠤ ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠡ ᠪᠠᠷ ᠬᠡᠷᠡᠭᠵᠢᠭᠦᠯᠵᠦ᠂ ᠬᠦᠷᠳᠡᠬᠦ ᠨᠠᠰᠦᠨ ᠤ ᠬᠢᠵᠠᠭᠠᠷ ᠢ 78 ᠪᠦᠭᠦᠯᠢ ᠨᠠᠰᠦ ᠬᠦᠷᠳᠡᠯ᠎ᠡ ᠦᠷᠭᠡᠳᠬᠡᠵᠤ᠂ 1599 ᠬᠦᠮᠦᠨ ᠬᠦᠷᠳᠡᠵᠦ ᠪᠤᠢ︔ ᠦᠨᠳᠦᠰᠦᠨ ᠨᠠᠰᠦᠵᠢᠯ ᠤᠨ ᠮᠦᠩᠬᠦ ᠬᠦᠷᠳᠡᠬᠦ ᠬᠦᠮᠦᠨ 8516᠎ ᠳᠤ ᠬᠦᠷᠴᠦ 653 ᠬᠦᠴᠢᠷᠳᠡᠯᠳᠡᠢ ᠤᠯᠡᠨ ᠲᠦᠮᠡᠨ ᠳᠤ 336 ᠲᠦᠮᠡᠨ ᠲᠦᠭᠦᠷᠢᠭ ᠤᠨ ᠡᠮ ᠡᠮᠨᠡᠯᠭᠡ ᠶᠢᠨ ᠠᠪᠤᠷᠠᠨ ᠳᠡᠳᠬᠦᠬᠦ ᠲᠤᠰᠠᠯᠠᠮᠵᠢ ᠭᠦᠷᠲᠡᠭᠡᠪᠡ᠃     ︵ᠨᠠᠢᠮᠠ︶ ᠨᠡᠶᠢᠭᠡᠮ ᠤᠨ ᠦᠢᠯᠡᠰ ᠲᠡᠩᠴᠡᠭᠦᠷᠢᠳᠡᠢ ᠬᠦᠭᠵᠢᠪᠡ᠃ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ ᠲᠡᠰ ᠲᠡᠪᠰᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠰᠦᠪ ᠢ ᠪᠦᠬᠦ ᠲᠠᠯ᠎ᠡ ᠪᠠᠷ ᠭᠡᠷᠡᠭᠵᠢᠭᠦᠯᠵᠦ᠂ ᠪᠠᠭᠰᠢ ᠨᠠᠷ ᠢ ᠱᠠᠩᠨᠠᠨ ᠬᠦᠬᠢᠭᠦᠯᠬᠦ ᠮᠦᠩᠭᠦ ᠶᠢ ᠵᠢᠯ ᠲᠠᠷᠠᠭᠠᠯᠠᠨ ᠦᠰᠭᠡᠬᠦ ᠲᠦᠷᠢᠮ ᠢ ᠪᠠᠶᠢᠭᠤᠯᠪᠠ᠃ ᠰᠤᠷᠭᠠᠭᠤᠯᠢ ᠎ ᠶᠢᠨ ᠬᠦᠷᠢᠶᠡᠨ ᠤ ᠬᠦᠯ ᠪᠦᠮᠪᠥᠭᠡᠨ ᠤ ᠦᠢᠯᠡᠰ ᠢ ᠬᠦᠴᠦᠯᠡᠨ ᠬᠦᠭᠵᠢᠭᠦᠯᠵᠤ᠂ ᠬᠡᠪ ᠴᠢᠨᠠᠷ ᠤᠨ ᠰᠤᠷᠭᠠᠨ ᠬᠦᠮᠦᠵᠢᠯ ᠤᠨ ᠬᠦᠭᠵᠢᠯᠲᠡ ᠶᠢ ᠲᠦᠯᠬᠢᠨ ᠠᠬᠢᠭᠤᠯᠪᠠ᠃ ᠡᠯ᠎ᠡ ᠲᠦᠷᠦᠯ ᠤᠨ ᠰᠤᠷᠤᠯᠭ᠎ᠠ ᠲᠡᠳᠭᠦᠬᠦ ᠮᠦᠩᠬᠦ 1688.3 ᠲᠦᠮᠡᠨ ᠲᠦᠭᠦᠷᠢᠭ ᠲᠠᠷᠬᠠᠭᠠᠨ᠂ 1.1 ᠲᠦᠮᠡᠨ ᠬᠦᠮᠦᠨ ᠢ ᠠᠰᠢᠭ ᠭᠦᠷᠳᠡᠭᠡᠵᠠᠢ︔ 1090 ᠨᠡᠷᠡᠰ ᠠᠷᠠᠳ ᠤᠨ ᠪᠠᠭᠰᠢ ᠳᠤ 766 ᠲᠦᠮᠡᠨ ᠲᠦᠬᠦᠷᠢᠭ ᠤᠨ ᠨᠦᠬᠦᠪᠦᠷᠢ ᠮᠦᠩᠭᠦ ᠲᠠᠷᠬᠠᠭᠠᠨ᠂ 567 ᠶᠠᠳᠠᠭᠤ ᠬᠦᠴᠢᠷᠳᠡᠯᠳᠡᠢ ᠶᠡᠭᠡ ᠰᠤᠷᠭᠠᠭᠤᠯᠢ ᠶᠢᠨ ᠤᠶᠤᠳᠠᠳ ᠲᠤ 342 ᠲᠦᠮᠡᠨ ᠲᠦᠭᠦᠷᠢᠭ ᠤᠨ ᠰᠤᠷᠤᠯᠭ᠎ᠠ ᠲᠡᠳᠬᠦᠬᠦ ᠵᠢᠭᠡᠯᠡᠯᠭᠡ ᠤᠯᠭᠤᠵᠡᠢ︔ ᠶᠡᠭᠡ ᠲᠡᠭᠡᠳᠦ ᠰᠤᠷᠭᠠᠭᠤᠯᠢ ᠳᠤ ᠲᠠᠪᠰᠢᠭᠰᠠᠨ ᠨᠤᠷᠮ᠎ᠡ 41.19%᠎ ᠳᠤ ᠬᠦᠷᠴᠦ᠂ ᠠᠳᠠᠯᠢ ᠬᠤᠭᠤᠴᠠᠭᠠᠨ ᠠᠴᠠ 1.8 ᠵᠠᠭᠤᠨ ᠤ ᠴᠡᠭ ᠲᠡᠭᠡᠭᠰᠢᠯᠡᠵᠡᠢ᠃ ᠡᠮ ᠡᠮᠨᠡᠯᠭᠡ ᠶᠢᠨ ᠰᠢᠰᠲ᠋ᠧᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠡᠯ᠎ᠡ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮ ᠲᠠᠩ ᠢ ᠪᠦᠬᠦᠨ ᠢ ᠦᠨ᠎ᠡ ᠶᠢᠨ ᠵᠦᠷᠢᠶ᠎ᠡ ᠦᠭᠡᠢ ᠬᠤᠳᠠᠯᠳᠤᠬᠤ ᠶᠢ ᠪᠡᠶᠡᠯᠡᠭᠦᠯᠵᠡᠢ︔ ᠡᠷᠡᠭᠦᠯ ᠬᠠᠮᠠᠭᠠᠯᠠᠯ ᠤᠨ ᠪᠠᠴᠢᠮ ᠪᠠᠶᠢᠳᠡᠯ ᠢ ᠠᠷᠭᠠᠴᠠᠭᠠᠬᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠡᠴᠢᠮ ᠪᠠᠶᠢᠳᠡᠯ ᠢ ᠠᠷᠭᠠᠴᠠᠭᠠᠬᠤ ᠴᠢᠳᠡᠮᠵᠢ ᠪᠠᠨ ᠪᠠᠲᠤᠳᠬᠠᠨ ᠳᠡᠭᠡᠭᠰᠢᠯᠡᠭᠦᠯᠦᠭᠰᠡᠨ ᠠᠴᠠ᠂ 2015 ᠤᠨ ᠳᠤ ᠮᠠᠨ ᠤ ᠬᠤᠰᠢᠭᠤ ᠨᠢ ᠤᠷᠤᠨ ᠤ ᠡᠷᠡᠭᠦᠯ ᠬᠠᠮᠠᠭᠠᠯᠠᠯ ᠤᠨ ᠪᠠᠴᠢᠮ ᠪᠡᠶᠢᠳᠡᠯ ᠢ ᠠᠷᠭᠠᠴᠠᠭᠠᠬᠤ ᠶᠡᠷᠤᠩᠬᠡᠶᠢᠯᠡᠭᠰᠡᠨ ᠵᠢᠱᠢᠶᠡᠴᠢ ᠬᠤᠰᠢᠭᠤ ᠪᠠᠷ ᠦᠨᠡᠯᠡᠭᠳᠡᠵᠡᠢ᠃ ᠪᠦᠬᠦ ᠤᠯᠤᠰ ᠤᠨ ᠤᠳᠠᠭᠠᠨ ᠴᠢᠨᠠᠷᠳᠠᠢ ᠬᠠᠯᠳᠠᠪᠤᠷᠢᠲᠦ ᠪᠤᠰᠤ ᠡᠪᠡᠳᠴᠢᠨ ᠢ ᠶᠡᠷᠥᠩᠭᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠪᠡ᠃ 3663 ᠮᠠᠯᠴᠢᠨ ᠲᠠᠷᠢᠶᠠᠴᠢᠳ ᠲᠤ ᠰᠦᠢᠳᠭᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠵᠡᠢ︔ ︽ᠪᠠᠭ᠎ᠠ ᠡᠮ ᠤᠨ ᠬᠠᠶᠢᠷᠴᠠᠭ︾ 3000 ᠢᠵᠢ ᠲᠠᠷᠬᠠᠭᠠᠵᠡᠢ᠃ 1 ᠲᠦᠮᠨ ᠭᠠᠷᠤᠢ ᠡᠪᠡᠳᠴᠢᠲᠡᠨ ᠲᠤ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠭᠤᠷᠢᠨ ᠦᠵᠡᠬᠦ ᠦᠢᠯᠡᠴᠢᠯᠡᠭᠡ ᠬᠢᠪᠡ᠃ ᠪᠦᠬᠦ ᠠᠶᠢᠮᠠᠭ ᠤᠨ ᠪᠦᠭᠡ ᠶᠢᠨ ᠴᠤᠯᠨ ᠤᠯᠭᠤᠬᠤ ᠤᠷᠤᠯᠳᠤᠭᠠᠨ᠂ ᠲᠠᠪᠤᠳᠤᠭᠠᠷ ᠤᠳᠠᠭᠠᠨ ᠤ ᠪᠤᠳᠡᠰ ᠤᠨ ᠪᠤᠰᠤ ᠰᠤᠶᠤᠯ ᠤᠨ ᠦᠪ ᠤᠨ ᠪᠦᠳᠦᠭᠡᠯ ᠎ ᠤᠨ ᠲᠡᠯᠭᠡᠨ ᠦᠵᠡᠭᠦᠯᠦᠯᠭᠡ᠂ ᠴᠠᠬᠠᠷ ᠠᠷᠠᠳ ᠤᠨ ᠳᠠᠭᠤᠨ ᠤ ᠤᠷᠤᠯᠳᠤᠭᠠᠨ ᠪᠤᠯᠤᠨ ᠰᠤᠶᠤᠯ ᠲᠡᠤᠭᠡ ᠶᠢ ᠰᠤᠳᠦᠯᠤᠨ ᠶᠠᠷᠢᠯᠴᠠᠬᠤ ᠬᠤᠷᠠᠯ ᠵᠡᠷᠭᠡ ᠰᠢᠷᠢᠰ ᠰᠤᠶᠤᠯ ᠤᠨ ᠠᠵᠢᠯᠯᠠᠭ᠎ᠠ ᠶᠢ ᠲᠠᠭᠠᠭᠠᠴᠢᠯᠡᠨ ᠡᠷᠬᠢᠯᠡᠪᠡ︔ ︽ᠬᠤᠰᠢᠭᠤ ᠤᠪᠤᠭᠠᠨ ᠲᠠᠬᠢᠯᠭ᠎ᠠ ᠶᠢᠨ ᠨᠠᠭᠠᠳᠦᠮ︾᠂ ᠠᠩᠬᠠᠳᠤᠭᠠᠷ ᠤᠳᠠᠭᠠᠨ ᠤ ︽ᠬᠤᠰᠢᠭᠤ ᠲᠠᠷᠤᠭ᠎ᠠ ᠬᠤᠨᠳᠠᠭᠠᠳᠦ︾ ᠬᠦᠯ ᠪᠦᠮᠪᠦᠭᠡᠨ ᠤ ᠬᠤᠯᠪᠤᠭᠠᠳᠦ ᠤᠷᠤᠯᠳᠤᠭᠠᠨ᠂ ᠠᠭᠤᠳᠡᠮ ᠲᠠᠯᠠᠪᠡᠢ ᠶᠢᠨ ᠤᠳᠬ᠎ᠠ ᠤᠷᠠᠯᠢᠭ ᠤᠨ ᠲᠤᠭᠯᠠᠯᠳᠠ ᠪᠤᠯᠤᠨ ᠨᠠᠰᠤᠳᠡᠶᠢᠴᠤᠳ ᠤᠨ ᠡᠭᠦᠳᠡᠨ ᠪᠦᠮᠪᠤᠭᠡᠨ ᠤ ᠤᠷᠤᠯᠳᠤᠭᠠᠨ ᠵᠡᠷᠭᠡ ᠤᠯᠡᠨ ᠲᠦᠮᠡᠨᠴᠢ ᠴᠢᠨᠠᠷᠳᠡᠢ ᠰᠤᠶᠤᠯ ᠲᠠᠮᠢᠷ ᠤᠨ ᠬᠦᠳᠡᠯᠭᠡᠭᠡᠨ ᠢ ᠦᠷᠨᠢᠭᠦᠯᠦᠭᠰᠡᠨ ᠪᠠᠶᠢᠨ᠎ᠡ︔ ᠬᠤᠰᠢᠭᠤ ᠤᠯᠠᠭᠠᠨᠮᠦ᠋ᠴᠢᠷ ᠨᠢ ᠦᠪᠡᠷᠳᠡᠭᠡᠨ ᠵᠠᠰᠠᠬᠤ ᠤᠷᠤᠨ ᠤ ᠨᠢᠭᠡᠳᠦᠭᠡᠷ ᠲᠦᠷᠦᠯ ᠤᠨ ᠤᠯᠠᠭᠠᠨᠮᠦ᠋ᠴᠢᠷ ᠢᠶᠠᠷ ᠦᠨᠡᠯᠡᠭᠳᠡᠵᠡᠢ᠃ ᠦᠪᠡᠷᠳᠡᠭᠡᠨ ᠵᠠᠰᠠᠬᠤ ᠤᠷᠤᠨ ᠎ ᠤ ᠰᠢᠨ᠎ᠡ ᠨᠢᠭᠡ ᠡᠭᠡᠯᠵᠢ ᠶᠢᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠡ︾᠎ ᠶᠢ ᠰᠢᠯᠭᠠᠨ ᠠᠪᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠦᠪᠡᠷᠳᠡᠭᠡᠨ ᠵᠠᠰᠠᠬᠤ ᠤᠷᠤᠨ ᠤ ᠪᠤᠯᠪᠠᠰᠦᠨ ᠬᠤᠰᠢᠭᠤ ᠰᠢᠶᠡᠨ ᠬᠤᠳᠠ ᠎ ᠶᠢ ᠡᠭᠦᠳᠦᠨ ᠪᠠᠶᠢᠭᠤᠯᠬᠤ ᠠᠵᠢᠯ ᠤᠨ ᠡᠷᠴᠢᠮ ᠢ ᠶᠡᠭᠡᠰᠭᠡᠵᠦ᠂ ᠡᠭᠦᠳᠦᠨ ᠪᠠᠶᠢᠭᠤᠯᠬᠤ ᠰᠠᠭᠤᠷᠢ ᠤᠯᠡᠮ ᠪᠠᠬᠢᠵᠢᠪᠡ᠃ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠪᠡᠯᠡᠳᠭᠡᠯ ᠬᠦᠴᠦᠨ ᠤ ᠪᠠᠶᠢᠭᠤᠯᠤᠯᠳᠠ ᠶᠢ ᠲᠠᠮᠵᠢᠵᠦ᠂ ᠰᠠᠭᠤᠭ᠎ᠠ ᠴᠡᠷᠢᠭ ᠠᠩᠬᠢ ᠶᠢᠨ ᠲᠠᠶᠢᠨ ᠤ ᠪᠡᠯᠡᠳᠭᠡᠯ ᠤᠨ ᠪᠤᠯᠪᠠᠰᠤᠷᠠᠯ ᠤᠨ ᠲᠦᠪᠰᠢᠨ ᠢ ᠤᠯᠡᠮ ᠲᠡᠭᠡᠭᠰᠢᠯᠡᠭᠦᠯᠪᠡ᠃ ᠡᠪ ᠬᠠᠮᠳᠦ ᠵᠠᠯᠠᠭᠤᠴᠤᠳ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠳᠡᠨ᠂ ᠵᠡᠮᠳᠡᠭᠴᠤᠳ ᠤᠨ ᠬᠤᠯᠪᠤᠭ᠎ᠠ ᠵᠡᠷᠭᠡ ᠤᠯᠡᠨ ᠲᠦᠮᠡᠨᠴᠢ ᠪᠦᠯᠭᠦᠮ ᠤᠨ ᠠᠵᠢᠯ ᠢ ᠲᠡᠮᠵᠢᠵᠦ᠂ ᠬᠠᠤᠯᠢ ᠲᠦᠷᠢᠮ᠂ ᠭᠠᠯ ᠤᠨᠲᠠᠷᠠᠭᠠᠬᠤ᠂ ᠴᠠᠭ ᠠᠭᠤᠷ᠂ ᠭᠠᠳᠠᠭᠠᠳᠦ ᠶᠠᠪᠤᠳᠡᠯ᠂ ᠬᠠᠷᠢᠶᠠᠳᠦ ᠶᠢᠨ ᠶᠠᠪᠤᠳᠡᠯ᠂ ᠲᠠᠩᠰᠨ ᠡᠪᠭᠡᠮᠡᠯ ᠲᠡᠤᠭᠡ ᠤᠶᠢᠯᠠᠯᠭ᠎ᠠ᠂ ᠨᠠᠰᠦᠳᠡᠶᠢᠴᠦᠳ ᠤᠨ ᠦᠢᠯᠡᠰ᠂ ᠡᠮᠡᠭᠳᠡᠶᠢᠴᠦᠳ ᠭᠡᠤᠭᠡᠳ ᠪᠠᠭᠠᠴᠤᠳ ᠤᠨ ᠠᠵᠢᠯ ᠤᠳ ᠴᠦᠮ ᠰᠢᠨ᠎ᠡ ᠠᠮᠵᠢᠯᠳᠠ ᠲᠠᠢ ᠪᠤᠯᠪᠠ᠃     ︵ᠶᠢᠰᠦ︶ ᠨᠡᠶᠢᠭᠡᠮ ᠤᠨ ᠡᠶ᠎ᠡ ᠨᠠᠶᠢᠷᠠᠮᠳᠠᠭᠤ ᠲᠤᠭᠲᠠᠭᠤᠨ ᠪᠠᠶᠢᠬᠤ ᠶᠢ ᠪᠠᠲᠤᠯᠠᠪᠠ᠃ ᠨᠠᠮ ᠤᠨ ᠥᠨᠳᠦᠰᠦᠲᠡᠨ ᠱᠠᠰᠢᠨ ᠰᠤᠷᠳᠠᠬᠤᠨ ᠤ ᠳᠦᠷᠦ ᠶᠢᠨ ᠪᠤᠳᠦᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠡᠯ᠎ᠡ ᠦᠨᠳᠦᠰᠦᠲᠡᠨ ᠤ ᠤᠯᠡᠨ ᠲᠦᠮᠡᠨ ᠤ ᠬᠠᠤᠯᠢ ᠶᠤᠰᠦᠨ ᠤ ᠡᠷᠬᠡ ᠠᠰᠢᠭ ᠪᠤᠯᠤᠨ ᠱᠠᠰᠢᠨ ᠰᠢᠲᠤᠯᠭᠡ ᠶᠢᠨ ᠡᠷᠬᠡ ᠴᠢᠯᠤᠭᠡᠲᠠᠢ ᠪᠠᠶᠢᠬᠤ ᠶᠢ ᠪᠠᠲᠤᠯᠠᠪᠠ᠃ ᠪᠦᠬᠦ ᠬᠤᠰᠢᠭᠤᠨ ᠳᠤ ᠨᠡᠶᠢᠭᠡᠮ ᠤᠨ ᠵᠦᠷᠢᠴᠡᠯ ᠵᠢᠭᠤᠷᠭᠠᠨ ᠢ ᠪᠠᠶᠢᠴᠠᠭᠠᠵᠦ ᠡᠶᠡᠲᠡᠭᠦᠯᠭᠦ ᠠᠵᠢᠯ ᠢ 4 ᠤᠲᠠᠭ᠎ᠠ ᠵᠤᠬᠢᠶᠡᠨ ᠪᠠᠶᠢᠭᠤᠯᠥᠨ ᠦᠷᠨᠢᠭᠦᠯᠵᠦ᠂ 223 ᠵᠦᠷᠢᠴᠡᠯ ᠵᠢᠭᠤᠷᠭᠠᠨ ᠢ ᠡᠶᠡᠳᠡᠭᠦᠯᠵᠦ᠂ 12 ᠴᠢᠬᠤᠯᠨ ᠶᠡᠭᠡ ᠲᠦᠷᠦᠯ ᠵᠦᠢᠯ ᠳᠤ  ᠨᠡᠶᠢᠭᠡᠮ ᠤᠨ ᠲᠤᠭᠳᠠᠭᠤᠨ ᠤ ᠦᠨᠡᠯᠡᠯᠳᠡ ᠬᠢᠵᠦ᠂ ᠨᠡᠶᠢᠭᠡᠮ ᠤᠨ ᠲᠤᠠᠨᠲᠠᠭᠤᠨ ᠤ ᠨᠢᠭᠤᠭᠳᠠᠮᠠᠯ ᠳᠦᠭᠰᠢᠭᠦᠷᠢ ᠶᠢ ᠤᠷᠢᠳᠴᠢᠯᠡᠨ ᠰᠡᠷᠬᠡᠶᠢᠯᠡᠭᠰᠡᠨ ᠪᠠᠶᠢᠨ᠎ᠠ᠃ ᠬᠠᠤᠯᠢ ᠴᠠᠭᠠᠵᠠ ᠶᠢᠨ ︽ᠵᠢᠷᠭᠤᠭ᠎ᠠ ᠶᠢ ᠤᠷᠤᠭᠤᠯᠬᠤ︾ ᠠᠵᠢᠯᠯᠠᠭ᠎ᠠ ᠶᠢ ᠬᠦᠨᠵᠡᠭᠡᠢ ᠠᠬᠢᠭᠤᠯᠵᠦ᠂ ︽ᠵᠢᠷᠭᠤᠭ᠎ᠠ ᠲᠠᠪᠦ︾ ᠎ ᠶᠢᠨ ᠬᠠᠤᠯᠢ ᠶᠢ ᠲᠦᠭᠡᠮᠡᠯᠵᠢᠭᠦᠯᠬᠦ ᠠᠵᠢᠯ ᠢ ᠰᠢᠯᠭᠠᠨ ᠬᠤᠷᠢᠶᠠᠬᠤ ᠶᠢ ᠤᠷᠤᠭᠰᠢᠳᠡᠢ ᠪᠡᠶᠡᠯᠡᠭᠦᠯᠥᠭᠰᠡᠨ ᠪᠠᠶᠢᠨ᠎ᠠ᠃ ᠪᠦᠬᠦ ᠠᠶᠢᠮᠠᠭ ᠤᠨ ᠦᠨᠳᠦᠰᠦᠨ ᠱᠠᠳᠦᠨ ᠤ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠥᠯᠲᠠ ᠶᠢᠨ ᠠᠵᠢᠯ ᠤᠨ ᠪᠠᠶᠢᠷᠢ ᠶᠢᠨ ᠬᠤᠷᠡᠯᠲᠤᠭᠠᠨ ᠢ ᠠᠮᠵᠢᠯᠳᠠ ᠲᠠᠢ ᠪᠠᠷ ᠬᠤᠷᠠᠯᠳᠤᠭᠤᠯᠵᠡᠢ᠃ ︽1328︾ ᠵᠠᠬᠢᠳᠠᠯ ᠰᠤᠷᠪᠤᠯᠵᠢᠯᠠᠭ᠎ᠠ ᠎ ᠶᠢᠨ ᠠᠵᠢᠯ ᠤᠨ ᠡᠳᠦᠷ ᠤᠨ ᠳᠦᠷᠢᠮ ᠪᠠ ᠤᠳᠤᠷᠢᠳᠤᠯᠭ᠎ᠠ ᠬᠡᠷᠡᠭ ᠢ ᠲᠠᠭᠠᠭᠠᠴᠢᠯᠡᠵᠦ ᠨᠠᠮᠳᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠪᠠᠶᠠᠷ ᠲᠤᠷᠠᠰᠬᠠᠯ ᠠᠮᠠᠷᠠᠯᠳᠠ ᠶᠢᠨ ᠬᠤᠭᠤᠴᠠᠭᠠᠨ ᠤ ᠠᠮᠤᠷ ᠳᠤᠠᠨᠲᠠᠭᠤᠨ ᠢ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠦ᠂ ᠵᠢᠯ ᠳᠤ 153 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠭᠦᠯᠢᠶᠡᠨ ᠰᠢᠢᠳᠪᠦᠷᠢᠯᠡᠵᠤ᠂ 145 ᠬᠡᠷᠡᠭ ᠢ ᠨᠢᠭᠡᠨᠳᠡ ᠰᠶᠢᠳᠪᠤᠷᠢᠯᠡᠵᠦ᠂ 8 ᠭᠡᠷᠡᠭ ᠢ ᠤᠳᠦ ᠶᠠᠭ ᠰᠶᠢᠳᠪᠤᠷᠢᠯᠡᠵᠦ ᠪᠤᠢ᠃ ︽ᠠᠮᠤᠭᠤᠯᠠᠩ ᠰᠢᠯᠤᠭᠤᠨ ᠴᠠᠭᠠᠨ ᠬᠤᠰᠢᠭᠤ︾᠎ ᠶᠢ ᠪᠠᠶᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠬᠦᠯᠵᠦ᠂ ᠪᠦᠬᠦ ᠬᠤᠰᠢᠭᠤᠨ ᠤ ᠠᠮᠤᠭᠤᠯᠡᠩ ᠪᠠᠶᠢᠭᠤᠯᠤᠯᠳᠠ ᠶᠢᠨ ᠵᠠᠭᠤᠨ ᠡᠳᠦᠷ ᠤᠨ ᠳᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠵᠡᠢ᠃ ᠨᠠᠶᠢᠭᠡᠮ ᠤᠨ ᠠᠮᠤᠷ ᠢ ᠬᠠᠮᠠᠭᠠᠯᠠᠬᠤ ᠶᠢ ᠶᠡᠷᠤᠩᠬᠡᠶᠢᠯᠡᠨ ᠵᠠᠰᠠᠬᠤ ᠶᠢ ᠴᠢᠩᠭᠠᠳᠬᠠᠵᠦ᠂ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ᠂ ᠡᠷᠡᠬᠦᠤ ᠶᠢᠨ ᠬᠡᠷᠡᠭ᠂ ᠵᠠᠰᠠᠭ ᠵᠠᠭᠢᠷᠭᠠᠨ ᠤ ᠬᠡᠷᠡᠭ ᠲᠤ ᠴᠢᠩᠭ᠎ᠠ ᠴᠤᠬᠢᠯᠳᠠ ᠦᠭᠭᠦᠭᠰᠡᠨ ᠠᠴᠠ ᠡᠳᠡᠭᠡᠷ ᠬᠡᠷᠡᠭ ᠤᠨ ᠶᠠᠷᠤᠩᠬᠡᠢ ᠲᠤᠭ᠎ᠠ ᠠᠴᠠ ᠲᠤᠰ ᠪᠦᠷᠢ 3.9% ᠪᠠ 8.5%᠎ ᠪᠠᠷ ᠪᠠᠭᠤᠷᠠᠭᠰᠡᠨ ᠪᠠᠶᠢᠨ᠎ᠠ᠃ ᠠᠶᠤᠯᠭᠦᠢ ᠦᠢᠯᠡᠳᠪᠦᠷᠢᠯᠡᠯ ᠤᠨ ᠭᠤᠥᠯ ᠴᠤᠭᠴᠨ ᠎ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ ᠠᠶᠤᠯᠭᠦᠢ ᠦᠢᠯᠡᠳᠪᠦᠷᠢᠯᠡᠯ ᠤᠨ ᠲᠤᠭᠳᠠᠭᠤᠨ ᠪᠠᠶᠢᠳᠠᠯ ᠢ ᠪᠠᠳᠤᠯᠠᠵᠡᠢ᠃     ︵ᠠᠷᠪᠡ︶ ᠡᠯ᠎ᠡ ᠲᠦᠷᠦᠯ ᠤᠨ ᠦᠭᠡᠷᠡᠴᠢᠯᠡᠯᠳᠡ ᠶᠢᠨ ᠬᠦᠨᠵᠡᠭᠡᠶᠢᠷᠡᠬᠦ ᠶᠢ ᠠᠬᠢᠭᠤᠯᠪᠠ᠃ ᠵᠠᠰᠠᠭ ᠤᠨ ᠤᠷᠳᠦᠨ ᠤ ᠡᠷᠭᠡ ᠶᠢᠨ ᠨᠠᠷᠢᠨ ᠳᠡᠩᠰᠠᠳᠤ ᠲᠦᠷᠢᠮ ᠢ ᠢᠳᠡᠪᠬᠢᠳᠡᠢ ᠭᠡᠷᠡᠭᠵᠢᠭᠦᠯᠵᠦ᠂ ᠬᠠᠤᠯᠢ ᠪᠠᠷ ᠵᠠᠰᠠᠭ ᠪᠠᠷᠢᠬᠤ ᠎ ᠶᠢ ᠠᠬᠢᠭᠤᠯᠵᠦ᠂ ᠰᠠᠯᠠᠭ᠎ᠠ ᠮᠦᠴᠢᠷ ᠤᠨ ᠲᠤᠰᠢᠶᠡᠯ ᠢᠶᠠᠨ ᠬᠦᠢᠴᠡᠳᠭᠡᠬᠦ ᠶᠢ ᠴᠢᠩᠭ᠎ᠠ ᠬᠢᠨᠠᠵᠦ᠂ ᠵᠠᠰᠠᠭ ᠵᠠᠬᠢᠷᠭᠠᠨ ᠤ ᠠᠵᠢᠯ ᠢᠶᠠᠨ ᠬᠢᠬᠦ ᠦᠭᠡᠢ᠂ ᠲᠤᠷ᠎ᠡ ᠪᠠᠷ ᠬᠢᠬᠦ ᠶᠢ ᠡᠷᠡᠰ ᠵᠠᠰᠠᠨ ᠴᠡᠭᠴᠡᠯᠡᠪᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠳᠠ ᠲᠠᠯᠪᠢᠬᠤ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠡᠯ ᠢᠶᠠᠷ ᠬᠢᠨᠠᠯᠳᠠ ᠲᠠᠯᠪᠢᠬᠤ  ᠎ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠦᠬᠦ ᠵᠢᠯ ᠳᠤ ᠠᠷᠠᠳ ᠤᠨ ᠲᠦᠯᠦᠭᠡᠯᠡᠭᠴᠢ ᠶᠢᠨ ᠰᠠᠨᠠᠯ ᠵᠦᠪᠯᠡᠯᠭᠡ ᠶᠢ 82 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ 54 ᠬᠤᠪᠢ ᠶᠢ ᠰᠶᠢᠳᠪᠦᠷᠢᠯᠡᠵᠦ᠂ ᠰᠶᠢᠳᠪᠤᠷᠢᠯᠡᠭᠰᠡᠨ ᠨᠤᠷᠮ᠎ᠡ 100%᠎ ᠳᠤ ᠬᠦᠷᠴᠡᠢ᠃ ᠠᠵᠤ ᠠᠬᠤᠢ ᠶᠢᠨ ᠪᠠᠶᠢᠭᠤᠯᠤᠮᠵᠢ ᠪᠤᠯᠤᠨ ᠨᠡᠶᠢᠭᠡᠮ ᠤᠨ ᠠᠮᠢ ᠠᠬᠤᠢ ᠶᠢᠨ ᠪᠤᠯᠪᠠᠰᠦᠨ ᠤ ᠪᠠᠶᠢᠭᠤᠯᠤᠮᠵᠢ ᠶᠢᠨ ᠭᠡᠪᠴᠢᠶᠡᠨ ᠳᠠᠬᠢ 36 ᠵᠦᠢᠯ ᠤᠨ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠭᠦᠯᠵᠦ᠂ ᠦᠭᠡᠷᠡᠴᠢᠯᠡᠯᠳᠡ ᠶᠢᠨ ᠦᠷ᠎ᠡ ᠪᠦᠳᠦᠭᠡᠯ 90 ᠪᠠᠶᠢᠵᠦ᠂ 10 ᠦᠭᠡᠷᠡᠴᠢᠯᠡᠯᠳᠡ ᠶᠢᠨ ᠲᠤᠷᠰᠢᠯᠳᠡ ᠶᠢᠨ ᠴᠢᠭ ᠤᠨ ᠠᠵᠢᠯ ᠢ ᠡᠬᠢᠯᠡᠭᠦᠯᠵᠡᠢ᠃ ᠵᠠᠰᠠᠭ ᠢ ᠴᠤᠮᠬᠠᠳᠬᠠᠵᠦ ᠡᠷᠭᠡ ᠶᠢ ᠲᠠᠯᠪᠢᠬᠤ ᠬᠦᠴᠦᠯᠡᠴᠨ ᠶᠢ ᠦᠷᠭᠦᠯᠵᠢᠯᠡᠨ ᠶᠡᠭᠡᠰᠭᠡᠵᠦ᠂ ᠵᠢᠯ ᠤᠨ ᠲᠤᠳᠤᠷ᠎ᠡ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠦ ᠲᠦᠷᠦᠯ ᠵᠦᠢᠯ 92᠎ ᠢ ᠬᠦᠴᠦᠨ ᠦᠭᠡᠢ ᠪᠤᠯᠭᠠᠵᠦ᠂ 7 ᠵᠦᠢᠯ ᠢ ᠨᠡᠶᠢᠯᠡᠭᠦᠯᠵᠦ ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷ ᠲᠠᠢ ᠰᠦᠢᠳᠭᠡᠯ ᠬᠤᠷᠢᠶᠠᠬᠤ ᠲᠦᠷᠦᠯ ᠵᠦᠢᠯ 57᠎ ᠶᠢ ᠬᠦᠴᠦᠨ ᠦᠭᠡᠢ ᠪᠤᠯᠭᠠᠵᠡᠢ᠃ ᠵᠠᠰᠠᠭ ᠤᠨ ᠤᠷᠳᠦᠨ ᠤ ᠪᠠᠶᠢᠭᠤᠯᠤᠮᠵᠢ ᠶᠢ ᠦᠭᠡᠷᠡᠴᠢᠯᠡᠬᠦ ᠪᠤᠯᠤᠨ ᠡᠭᠦᠷᠭᠡ ᠴᠢᠳᠠᠪᠬᠢ ᠶᠢ ᠬᠤᠪᠢᠷᠠᠭᠤᠯᠬᠤ ᠶᠢ ᠬᠦᠨᠵᠡᠬᠡᠶᠢᠷᠡᠭᠦᠯᠵᠦ᠂ ᠤᠰᠦᠨ ᠠᠰᠢᠭᠯᠠᠯᠳᠠ᠂ ᠢᠳᠡᠭᠡᠨ ᠪᠠ ᠡᠮ ᠤᠨ ᠵᠦᠢᠯᠡᠰ ᠦᠢᠯᠡᠳᠪᠤᠷᠢ ᠬᠤᠳᠠᠯᠳᠤᠭ᠎ᠠ ᠶᠠᠰᠦ ᠴᠢᠨᠠᠷ ᠤᠨ ᠬᠢᠨᠠᠯᠳᠠ ᠲᠠᠯᠪᠢᠬᠤ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ᠂ ᠬᠦᠭᠵᠢᠭᠦᠯᠦᠯᠳᠡ ᠦᠭᠡᠷᠡᠴᠢᠯᠡᠯᠳᠡ᠂ ᠠᠵᠤ ᠠᠬᠤᠢ ᠰᠤᠷᠠᠭ ᠵᠠᠩᠬᠢ᠂ ᠠᠮᠢ ᠠᠬᠤᠢ ᠵᠡᠷᠭᠡ ᠵᠢᠷᠭᠤᠭᠠᠨ ᠰᠠᠯᠠᠭ᠎ᠠ ᠮᠦᠴᠢᠷ ᠤᠨ ᠡᠭᠦᠷᠭᠡ ᠴᠢᠳᠠᠪᠬᠢ ᠶᠢ ᠲᠤᠬᠢᠷᠠᠭᠤᠯᠬᠤ ᠪᠤᠯᠤᠨ ᠨᠡᠶᠢᠯᠡᠭᠦᠯᠬᠦ ᠠᠵᠢᠯ ᠢ ᠪᠡᠶᠡᠯᠡᠭᠦᠯᠵᠦ᠂ ᠦᠯᠤ ᠬᠦᠳᠡᠯᠬᠦ ᠬᠦᠷᠦᠩᠭᠡ ᠶᠢ ᠨᠢᠭᠡᠳᠦᠯᠳᠡᠢ ᠲᠠᠩᠰᠠᠯᠠᠬᠤ ᠠᠵᠢᠯ ᠤᠨ ᠡᠭᠦᠷᠭᠡ ᠴᠢᠳᠠᠪᠬᠢ ᠪᠤᠯᠤᠨ ᠠᠵᠢᠯᠯᠠᠬᠤ ᠪᠠᠶᠢᠭᠤᠯᠤᠮᠵᠢ ᠶᠢ ᠨᠡᠶᠢᠯᠡᠭᠦᠯᠬᠦ ᠶᠢ ᠪᠡᠶᠡᠯᠡᠭᠦᠯᠦᠭᠰᠡᠨ ᠪᠠᠶᠢᠨ᠎ᠡ᠃  ︽ᠭᠤᠷᠪᠡᠨ ᠦᠨᠡᠮᠯᠡᠯ ᠢ ᠨᠢᠭᠡᠳᠭᠡᠨ ᠨᠢᠭᠡ ᠪᠤᠯᠭᠠᠬᠤ᠂ ᠨᠢᠭᠡ ᠦᠨᠡᠮᠯᠡᠯ ᠳᠤ ᠨᠢᠭᠡ ᠨᠤᠮᠧᠷ ᠲᠠᠢ ᠪᠠᠶᠢᠯᠭᠠᠬᠤ︾᠎ ᠶᠢ ᠲᠠᠩᠰᠠᠯᠠᠬᠤ ᠲᠦᠷᠢᠮ ᠢ ᠪᠦᠬᠦ ᠲᠠᠯ᠎ᠠ ᠪᠠᠷ ᠠᠬᠢᠭᠤᠯᠵᠦ᠂ ᠬᠢᠨᠠᠨ ᠵᠦᠪᠰᠢᠶᠡᠷᠡᠬᠦ ᠠᠯᠬᠤᠮ ᠲᠠᠷᠠᠭᠠᠯᠠᠯ ᠢ ᠰᠢᠯᠢᠳᠡᠭᠵᠢᠭᠦᠯᠵᠦ᠂ ᠬᠢᠨᠠᠨ ᠵᠦᠪᠰᠢᠶᠡᠷᠡᠬᠦ ᠶᠠᠰᠦ ᠴᠢᠨᠠᠷ ᠪᠤᠯᠤᠨ ᠦᠷ᠎ᠡ ᠠᠰᠢᠭ ᠎ ᠢ ᠲᠡᠭᠡᠭᠰᠢᠯᠡᠭᠦᠯᠵᠡᠢ᠃ ᠨᠡᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠲᠦᠪ ᠴᠢᠩᠭ᠎ᠠ ᠨᠠᠶᠢᠳᠠᠪᠤᠷᠢᠵᠢᠭᠤᠯᠵᠦ᠂ ᠴᠢᠬᠤᠯᠨ ᠬᠦᠷᠢᠶ᠎ᠡ ᠬᠡᠪᠴᠢᠶ᠎ᠡ᠂ ᠵᠠᠩᠬᠢᠯᠠᠭ᠎ᠠ ᠶᠢᠨ ᠠᠵᠢᠯ ᠤᠨ ᠪᠠᠶᠢᠷᠢᠨ ᠳᠤ ᠬᠢᠨᠠᠨ ᠪᠤᠳᠤᠵᠤ ᠬᠢᠨᠠᠨ ᠪᠠᠶᠢᠴᠠᠭᠠᠬᠤ ᠪᠤᠯᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠠᠰᠠᠭᠤᠬᠤ ᠬᠦᠴᠦᠯᠡᠴᠨ ᠪᠠᠨ ᠶᠠᠭᠡᠰᠭᠡᠵᠦ᠂ ᠨᠠᠮ ᠤᠨ ᠰᠤᠷᠳᠡᠯ ᠠᠷᠢᠭᠤᠨ ᠴᠢᠭᠡᠴᠢ ᠶᠢᠨ ᠪᠠᠶᠢᠭᠤᠯᠤᠯᠳᠠ ᠪᠤᠯᠤᠨ ᠢᠯᠵᠠᠷᠠᠮᠠᠯ ᠢ ᠡᠰᠡᠷᠭᠦᠴᠡᠬᠦ ᠠᠵᠢᠯ ᠤᠯᠠᠮ ᠬᠦᠨᠵᠡᠭᠡᠢ ᠶᠠᠪᠤᠭᠳᠠᠵᠠᠢ᠃     2015 ᠤᠨ ᠤ ᠡᠪᠤᠯ ᠠᠴᠠ ᠨᠠᠰᠢ᠂ ᠮᠠᠨ ᠤ ᠬᠤᠰᠢᠭᠤ ᠬᠤᠪᠤᠷ ᠲᠤᠬᠢᠶᠠᠯᠳᠤᠳᠠᠭ ᠵᠤᠤᠨ ᠭᠠᠮᠰᠢᠭ ᠲᠤ ᠤᠴᠡᠷᠡᠵᠦ᠂ ᠪᠦᠬᠦ ᠬᠤᠰᠢᠭᠤᠨ ᠤ 3.2 ᠲᠦᠮᠡᠨ ᠬᠦᠮᠦᠨ᠂ 20 ᠲᠦᠮᠨ ᠭᠠᠷᠤᠢ ᠮᠠᠯ ᠤᠨᠤᠭ᠎ᠠ ᠬᠦᠨᠳᠦ ᠨᠤᠴᠢᠳᠡᠢ ᠭᠠᠮᠰᠢᠭᠳᠠᠪᠠ᠃ ᠵᠤᠤᠨ ᠭᠠᠮᠰᠢᠭ ᠤᠨ ᠡᠮᠤᠨ᠎ᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠎ ᠨᠢ ᠪᠦᠬᠦ ᠬᠤᠰᠢᠭᠤᠨ ᠤ ᠺᠠᠳ᠋ᠷ ᠤᠯᠡᠨ ᠲᠦᠮᠡᠨ ᠢ ᠪᠦᠯᠭᠦᠮᠳᠡᠭᠦᠯᠦᠨ ᠲᠠᠭᠠᠭᠤᠯᠵᠦ᠂ ᠭᠠᠮᠰᠢᠭ ᠲᠠᠢ ᠲᠡᠮᠡᠴᠡᠵᠦ᠂ ᠦᠪᠡᠷ ᠢ ᠪᠠᠨ ᠠᠪᠤᠷᠠᠬᠤ ᠠᠵᠢᠯ ᠢ ᠡᠷᠴᠢᠮᠳᠡᠢ ᠦᠷᠨᠢᠭᠦᠯᠵᠦ᠂ ᠴᠠᠭ ᠠᠭᠠᠷ ᠤᠨ ᠰᠤᠷᠠᠭ ᠴᠢᠮᠡᠭᠡ ᠶᠢ ᠲᠠᠷᠤᠢ ᠳᠤᠨᠢ ᠨᠡᠶᠢᠳᠡᠯᠡᠵᠦ᠂ ᠭᠠᠮᠰᠢᠭ ᠲᠠᠢ ᠲᠡᠮᠡᠴᠡᠬᠦ ᠡᠪᠡᠰᠦ ᠪᠤᠷᠳᠤᠭ᠎ᠠ ᠡᠳ᠋ ᠪᠤᠳᠡᠰ ᠢ ᠪᠠᠴᠢᠮ ᠲᠦᠷᠭᠡᠨ ᠵᠦᠭᠡᠭᠡᠪᠦᠷᠢᠯᠡᠨ ᠤᠷᠤᠭᠤᠯᠵᠦ᠂ ᠮᠠᠰᠢᠨ ᠪᠠᠭᠠᠵᠢ ᠲᠤᠬᠢᠷᠠᠭᠤᠯᠤᠨ ᠴᠡᠰᠦ ᠰᠢᠭᠤᠷᠭᠠᠨ ᠳᠤ ᠳᠦᠭᠵᠢᠷᠡᠭᠰᠡᠨ ᠵᠠᠮ ᠱᠤᠭᠤᠮ ᠢ ᠨᠡᠪᠳᠡᠷᠡᠭᠦᠯᠵᠦ᠂ ᠬᠦᠴᠢᠷᠳᠡᠯ ᠲᠠᠢ ᠤᠯᠡᠨ ᠲᠦᠮᠡᠨ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠤᠨ ᠬᠤᠬᠢᠷᠠᠯ ᠰᠦᠢᠳᠦᠯ ᠢ ᠬᠠᠮᠤᠭ ᠲᠤᠤᠷ᠎ᠡ ᠬᠡᠮᠵᠢᠶᠡᠨ ᠳᠤ ᠬᠢᠵᠠᠭᠠᠷᠯᠡᠪᠠ᠃ ᠮᠦᠨᠴᠦ ︽ᠬᠤᠶᠠᠷ ᠫᠸᠡᠭ ᠨᠢᠭᠡ ᠡᠪᠡᠰᠤᠨ ᠤ ᠦᠢᠯᠡᠰ︾ ᠵᠡᠷᠭᠡ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠪᠤᠯᠤᠨ ︽ᠠᠷᠪᠡ ᠶᠢ ᠪᠦᠷᠭᠦᠭᠦᠯᠬᠦ ᠢᠨᠵᠧᠨᠧᠷᠢᠩ︾᠎ ᠢ ᠶᠡᠭᠡᠪᠡᠷ ᠬᠡᠷᠡᠭᠵᠢᠭᠦᠯᠬᠦ ᠪᠠᠷ ᠲᠠᠮᠵᠢᠭᠠᠳ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠭᠦᠭᠡᠷᠦᠮᠵᠢ ᠲᠤᠪᠦᠶᠢᠮ᠎ᠡ ᠰᠡᠶᠢᠵᠢᠷᠠᠵᠦ᠂ ᠮᠠᠯᠴᠢᠨ ᠲᠠᠷᠢᠶᠠᠴᠢᠳ ᠤᠨ ᠲᠤᠰ ᠪᠡᠶ᠎ᠡ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠨᠢ ᠮᠠᠳᠡᠭᠳᠡᠮ᠎ᠡ ᠴᠢᠩᠭᠠᠷᠠᠵᠦ᠂ ᠪᠠᠶᠢᠭᠠᠯᠢ ᠶᠢᠨ ᠭᠠᠮᠰᠢᠭ ᠵᠤᠤᠨ ᠤᠨ ᠰᠢᠯᠭᠠᠯᠳᠠ ᠎ ᠶᠢ ᠲᠠᠭᠠᠭᠠᠵᠦ᠂ ᠮᠠᠯᠴᠢᠨ ᠲᠠᠷᠢᠶᠠᠴᠢᠳ ᠤᠨ ᠭᠡᠪ ᠤᠨ ᠦᠢᠯᠡᠳᠪᠤᠷᠢᠯᠡᠯ ᠠᠮᠢᠳᠦᠷᠡᠯ ᠤᠨ ᠡᠮᠬᠢ ᠲᠢᠭᠯᠢᠮ ᠢ ᠬᠦᠴᠦᠳᠡᠢ ᠪᠠᠳᠤᠯᠠᠭᠰᠠᠨ ᠪᠡᠶᠢᠨ᠎ᠡ᠃     ᠲᠦᠯᠦᠭᠡᠯᠡᠭᠴᠢᠳ ᠡ᠄ 2015 ᠤᠨ ᠤ ᠭᠤᠤᠯ ᠡᠭᠦᠷᠭᠡ ᠬᠠᠷᠠᠯᠳᠡ ᠪᠠᠨ ᠪᠡᠶᠡᠯᠡᠭᠦᠯᠦᠭᠰᠡᠨ ᠶᠠᠪᠤᠳᠡᠯ ᠨᠢ ᠮᠠᠨ ᠤ ᠬᠤᠰᠢᠭᠤᠨ ᠤ ︽ᠠᠷᠪᠡᠨ ᠬᠤᠶᠠᠳᠤᠭᠠᠷ ᠲᠠᠪᠤᠨ ᠵᠢᠯ︾᠎ ᠤᠨ ᠲᠦᠯᠦᠪᠯᠡᠭᠡ ᠢᠯᠡᠯᠳᠡ ᠲᠠᠢ ᠪᠠᠷ ᠰᠡᠭᠦᠯ ᠬᠤᠷᠢᠶᠠᠭᠰᠠᠨ ᠢ ᠬᠠᠷᠠᠭᠤᠯᠵᠦ ᠪᠠᠶᠢᠨ᠎ᠡ᠃ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭ᠎ᠠ ᠶᠢ ᠡᠷᠬᠢᠴᠡᠭᠦᠯᠪᠡᠯ᠂ ᠪᠢᠳᠡᠨ ᠤ ᠤᠯᠤᠭᠰᠠᠨ ᠠᠮᠵᠢᠯᠲᠠ ᠬᠢᠯᠪᠡᠷ ᠪᠤᠰᠤ ᠪᠦᠭᠡᠳ ᠬᠤᠪᠤᠷ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠶᠤᠮ᠃ ᠡᠨᠡ ᠪᠤᠯ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠡᠢ ᠤᠳᠤᠷᠢᠳᠤᠯᠭ᠎ᠠ ᠪᠠ ᠰᠢᠨᠵᠢᠯᠡᠬᠦ ᠤᠬᠠᠭᠠᠨᠴᠢ ᠰᠶᠢᠳᠪᠤᠷᠢᠳᠦ ᠪᠤᠳᠤᠯᠭ᠎ᠠ ᠶᠢᠨ ᠦᠷ᠎ᠡ ᠳ᠋ᠦᠡᠭ ᠪᠤᠯᠤᠨ᠎ᠡ︔ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠢᠳᠡᠪᠬᠢᠳᠡᠢ ᠲᠡᠮᠵᠢᠯᠭᠡ ᠪᠠ ᠦᠷ᠎ᠡ ᠪᠦᠳᠦᠮᠵᠢᠳᠡᠢ ᠬᠢᠨᠠᠯᠳᠠ ᠲᠠᠯᠪᠢᠭᠰᠠᠨ ᠤ ᠦᠷ᠎ᠡ ᠳ᠋ᠦᠡᠭ ᠮᠦᠨ︔ ᠪᠦᠬᠦ ᠬᠤᠰᠢᠭᠤᠨ ᠤ ᠦᠷᠭᠡᠨ ᠤᠯᠡᠨ ᠺᠠᠳ᠋ᠷ ᠤᠯᠡᠨ ᠲᠦᠮᠡᠨ ᠪᠦᠯᠭᠦᠮᠳᠡᠨ ᠲᠠᠮᠠᠴᠡᠵᠦ᠂ ᠦᠨᠡᠨ ᠪᠤᠳᠡᠳᠡᠢ ᠠᠵᠢᠯᠯᠠᠭᠰᠠᠨ ᠤ ᠦᠷ᠎ᠡ ᠳ᠋ᠦᠡᠭ ᠪᠤᠯᠤᠨ᠎ᠡ︔ ᠮᠦᠨᠴᠦ ᠨᠡᠶᠢᠭᠡᠮ ᠤᠨ ᠡᠯ᠎ᠡ ᠡᠳᠡᠭᠡᠳ ᠤᠨ ᠬᠢᠨ ᠦᠷᠭᠡᠨ ᠢᠶᠠᠷ ᠤᠷᠤᠯᠴᠠᠵᠦ ᠬᠦᠴᠦᠳᠡᠢ ᠲᠠᠮᠵᠢᠯᠭᠡ ᠦᠵᠡᠭᠦᠯᠦᠭᠰᠡᠨ ᠎ ᠤ ᠦᠷ᠎ᠡ ᠳ᠋ᠦᠡᠭ ᠪᠤᠯᠤᠨ᠎ᠡ᠃ ᠠᠳᠡ᠂ ᠪᠢ ᠬᠤᠰᠢᠭᠤ ᠵᠠᠰᠠᠭ ᠤᠨ ᠤᠷᠳᠦᠨ ᠤ ᠡᠮᠦᠨ᠎ᠡ ᠠᠴᠠ᠂ ᠮᠠᠨ ᠤ ᠬᠤᠰᠢᠭᠤᠨ ᠤ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠶᠢ ᠬᠠᠯᠠᠮᠵᠢᠯᠡᠨ ᠲᠡᠮᠵᠢᠭᠰᠡᠨ ᠪᠦᠭᠦᠶᠢᠯᠨ ᠨᠦᠬᠦᠳ᠂ ᠨᠠᠶᠢᠵᠨ ᠨᠡᠷ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠦᠶ᠎ᠡ︕     ᠪᠢᠳᠡ ᠠᠮᠵᠢᠯᠳᠡ ᠪᠦᠳᠦᠭᠡᠯ ᠢᠶᠠᠨ ᠨᠤᠳᠠᠯᠠᠬᠤ ᠶᠢᠨ ᠬᠠᠮᠳᠦ᠂ ᠮᠠᠨ ᠤ ᠬᠤᠰᠢᠭᠤᠨ ᠤ ᠤᠳᠦᠬᠢ ᠠᠵᠤ ᠠᠬᠤᠢ ᠎ ᠶᠢᠨ ᠬᠦᠭᠵᠢᠯᠳᠡ ᠲᠤᠮᠳᠠ ᠪᠠᠰᠠ ᠨᠡᠯᠢᠶᠡᠳ ᠬᠦᠴᠢᠷ ᠪᠡᠷᠭᠡᠰᠢᠶᠡᠯ ᠪᠤᠯᠤᠨ ᠠᠰᠠᠭᠤᠳᠡᠯ ᠤᠷᠦᠰᠢᠵᠦ ᠪᠠᠶᠢᠬᠤ ᠶᠢ ᠰᠡᠷᠭᠡᠭ ᠢᠶᠠᠷ ᠤᠯᠵᠦ ᠮᠡᠳᠡᠪᠡ᠃ ᠭᠤᠤᠯ ᠢᠯᠡᠷᠡᠯ ᠨᠢ᠄ ᠨᠢᠭᠡ ᠳᠤ᠂ ᠬᠠᠷᠠᠬᠠᠨ ᠬᠦᠭᠵᠢᠭᠡᠳᠦᠢ ᠬᠤᠰᠢᠭᠤᠨ ᠤ ᠦᠨᠳᠦᠰᠦᠨ ᠪᠡᠶᠢᠳᠡᠯ ᠢ ᠤᠭ ᠦᠨᠳᠦᠰᠦᠨ ᠠᠴᠠ ᠨᠢ ᠬᠤᠪᠢᠷᠠᠭᠤᠯᠵᠦ ᠴᠢᠳᠠᠭᠠᠳᠦᠢ᠂ ᠠᠵᠤ ᠠᠬᠤᠢ ᠶᠢᠨ ᠶᠡᠷᠤᠩᠬᠡᠢ ᠬᠡᠮᠵᠢᠶ᠎ᠠ᠂ ᠬᠤᠳᠡ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠵᠡᠷᠭᠡ ᠭᠤᠤᠯ ᠠᠵᠤ ᠠᠬᠤᠢ ᠶᠢᠨ ᠬᠦᠢᠴᠡᠳᠭᠡᠬᠦ ᠲᠤᠭ᠎ᠠ ᠨᠢ ᠪᠠᠰᠨ ᠪᠦᠬᠦ ᠤᠷᠤᠨ᠂ ᠪᠦᠬᠦ ᠠᠶᠢᠮᠠᠭ ᠤᠨ ᠬᠤᠶᠢᠭᠤᠷ ᠪᠠᠶᠢᠷᠢᠯᠡᠵᠦ ᠪᠠᠶᠢᠨ᠎ᠡ᠃ ᠬᠤᠶᠠᠷ ᠎ ᠲᠤ᠂ ᠠᠵᠤ ᠠᠬᠤᠢ ᠶᠢᠨ ᠪᠦᠳᠦᠴᠨ ᠵᠦᠢ ᠵᠤᠬᠢᠰ ᠦᠭᠡᠢ᠂ ᠨᠢᠭᠡᠳᠦᠭᠡᠷ ᠠᠵᠤ ᠦᠢᠯᠡᠰ ᠤᠨ ᠪᠦᠳᠦᠴᠨ ᠰᠢᠯᠢᠳᠡᠭ ᠪᠤᠰᠤ᠂ ᠬᠤᠶᠠᠳᠤᠭᠠᠷ ᠠᠵᠤ ᠦᠢᠯᠡᠰ ᠤᠨ ᠶᠠᠷᠤᠩᠬᠡᠢ ᠬᠡᠮᠵᠢᠶ᠎ᠡ ᠪᠠᠭ᠎ᠠ᠂ ᠭᠤᠷᠪᠠᠳᠤᠭᠠᠷ ᠠᠵᠤ ᠦᠢᠯᠡᠰ ᠤᠨ ᠶᠠᠰᠦ ᠴᠢᠨᠠᠷ ᠨᠢ ᠲᠤᠤᠷ᠎ᠡ᠂ ᠭᠤᠷᠪᠡᠨ ᠠᠵᠤ ᠦᠢᠯᠡᠰ ᠢ ᠬᠦᠴᠦᠷᠭᠡᠭᠵᠢᠭᠦᠯᠬᠦ ᠡᠭᠦᠷᠭᠡ ᠬᠠᠳᠠᠭᠤ ᠪᠠᠷᠭᠡ ᠪᠠᠶᠢᠨ᠎ᠡ᠃ ᠭᠤᠷᠪᠠ ᠎ ᠳᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠮᠦᠨ ᠯᠨ ᠲᠤᠪᠦᠶᠢᠮ᠎ᠡ ᠪᠠᠶᠢᠵᠦ᠂ ᠡᠳ᠋ ᠤᠨ ᠬᠦᠴᠦᠨ ᠤ ᠵᠠᠷᠤᠯᠭ᠎ᠠ ᠶᠢᠨ ᠲᠠᠷᠤᠯᠳᠠ ᠨᠡᠯᠢᠶᠡᠳ ᠶᠡᠭᠡ᠂ ᠠᠷᠠᠳ ᠤᠨ ᠠᠮᠢᠳᠦᠷᠠᠯ ᠢ ᠪᠠᠳᠤᠯᠡᠨ ᠰᠡᠶᠢᠵᠢᠷᠠᠭᠤᠯᠬᠤ ᠡᠭᠦᠷᠭᠡ ᠬᠠᠳᠠᠭᠤᠵᠢᠯᠳᠡᠢ ᠪᠠᠶᠢᠵᠦ᠂ ᠰᠤᠷᠭᠠᠨ ᠬᠦᠮᠦᠵᠢᠯ᠂ ᠡᠮ ᠡᠮᠨᠡᠯᠭᠡ᠂ ᠠᠵᠢᠯ ᠤᠯᠭᠤᠯᠳᠠ᠂ ᠨᠡᠶᠢᠭᠡᠮ ᠤᠨ ᠪᠠᠳᠤᠯᠠᠭ᠎ᠠ᠂ ᠤᠷᠤᠨ ᠰᠠᠭᠤᠴᠨ ᠵᠡᠷᠭᠡ ᠲᠠᠯ᠎ᠠ ᠶᠢᠨ ᠠᠵᠢᠯ ᠨᠢ ᠤᠯᠡᠨ ᠲᠦᠮᠡᠨ ᠤ ᠬᠦᠰᠡᠯ ᠱᠠᠭᠠᠷᠳᠠᠯᠭ᠎ᠠ ᠠᠴᠠ ᠵᠤᠬᠢᠬᠤ ᠬᠡᠮᠵᠢᠶᠡᠨ ᠤ ᠵᠦᠷᠢᠶ᠎ᠡ ᠲᠠᠢ ᠪᠠᠶᠢᠭᠰᠠᠭᠠᠷ ᠪᠡᠶᠢᠨ᠎ᠡ᠃ ᠲᠦᠷᠪᠡ ᠳᠤ᠂ ᠬᠤᠳᠠ ᠬᠦᠳᠡᠭᠡᠨ ᠤ ᠰᠠᠭᠤᠷᠢ ᠲᠦᠭᠦᠭᠡᠷᠦᠮᠵᠢ ᠨᠢ ᠪᠠᠰᠨ ᠲᠡᠭᠦᠯᠳᠡᠷᠵᠢᠵᠦ ᠲᠡᠶᠢᠯᠦᠭᠡᠳᠦᠢ᠂ ᠨᠠᠷᠢᠯᠢᠭᠵᠢᠭᠰᠠᠨ ᠬᠠᠮᠢᠶᠠᠷᠤᠯᠳᠠ ᠶᠢᠨ ᠲᠦᠷᠢᠮ ᠤᠨ ᠲᠤᠭᠳᠠᠯᠴᠠᠭ᠎ᠠ ᠨᠢ ᠬᠠᠷᠠᠬᠠᠨ ᠪᠦᠷᠢᠨ ᠪᠤᠰᠦ᠂ ᠬᠤᠳᠠ ᠪᠠᠯᠭᠠᠰᠤᠵᠢᠭᠰᠠᠨ ᠨᠤᠷᠮ᠎ᠡ ᠮᠦᠨ ᠯᠨ ᠪᠦᠬᠦ ᠠᠶᠢᠮᠠᠭ ᠤᠨ ᠲᠡᠭᠡᠭᠰᠢᠳᠭᠡᠭᠰᠡᠨ ᠲᠦᠪᠰᠢᠨ ᠠᠴᠠ ᠲᠤᠤᠷ᠎ᠡ ᠪᠠᠶᠢᠨ᠎ᠡ᠃ ᠲᠠᠪᠤ ᠳᠤ᠂ ᠬᠤᠳᠡ ᠬᠦᠳᠡᠭᠡ ᠶᠢᠨ ᠰᠠᠭᠤᠭᠠᠯᠢ ᠠᠷᠠᠳ ᠎ ᠤᠨ ᠤᠷᠤᠯᠭ᠎ᠠ ᠶᠢᠨ ᠨᠡᠮᠡᠭᠳᠡᠯ ᠤᠨ ᠰᠠᠭᠤᠷᠢ ᠪᠠᠳᠦ ᠪᠢᠰᠢ᠂ ᠠᠷᠭ᠎ᠠ ᠵᠡᠮ ᠨᠢ ᠢᠪᠴᠤᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠬᠦᠨᠳᠦ ᠪᠠᠶᠢᠨ᠎ᠡ᠃ ᠡᠳᠡᠭᠡᠷ ᠠᠰᠠᠭᠤᠳᠡᠯ ᠢ ᠪᠢᠳᠡ ᠡᠷᠭᠡᠪᠰᠢ ᠴᠢᠬᠤᠯᠡᠴᠢᠯᠡᠨ ᠦᠵᠡᠵᠦ᠂ ᠰᠠᠨᠠᠭᠠᠴᠢᠯᠠᠭ᠎ᠠ ᠲᠠᠢ ᠪᠠᠷ ᠠᠵᠢᠯᠯᠠᠵᠦ᠂ ᠬᠦᠴᠦᠳᠡᠢ ᠠᠷᠭ᠎ᠠ ᠬᠡᠮᠵᠢᠶ᠎ᠡ ᠠᠪᠴᠦ᠂  ᠨᠠᠷᠢᠨ ᠬᠢᠨᠠᠮᠠᠭᠠᠢ ᠰᠶᠢᠳᠪᠤᠷᠢᠯᠡᠨ᠎ᠡ᠃     ᠬᠤᠶᠠᠷ᠂ ︽ᠠᠷᠪᠡᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠠᠵᠢᠯ ᠤᠨ ᠰᠡᠳᠬᠢᠴᠨ ᠪᠤᠯᠤᠨ 2016 ᠤᠨ ᠤ ᠭᠤᠤᠯ ᠠᠵᠢᠯ     ︽ᠠᠷᠪᠡᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠠᠵᠤ ᠠᠬᠤᠢ ᠶᠢᠨ ᠪᠤᠳᠡᠳᠦ ᠬᠦᠴᠦᠨ ᠢᠶᠠᠨ ᠪᠤᠵᠠᠭᠠᠶᠢᠷᠡᠭᠤᠯᠵᠦ᠂ ᠬᠡᠯᠪᠡᠷᠢ ᠪᠠᠨ ᠬᠤᠪᠢᠷᠠᠭᠤᠯᠵᠦ᠂ ᠲᠡᠰ ᠲᠠᠪᠰᠢᠭᠦᠯᠬᠦ ᠪᠤᠭᠤᠮᠳᠠ ᠰᠢᠪᠳᠤᠯᠬᠤ ᠴᠠᠭ ᠬᠤᠭᠤᠴᠠᠭ᠎ᠠ ᠪᠤᠯᠤᠨ᠎ᠡ᠂ ᠬᠦᠴᠢᠷᠳᠡᠯ ᠲᠠᠢ ᠠᠰᠠᠭᠤᠳᠡᠯ ᠢ ᠰᠶᠢᠳᠪᠤᠷᠢᠯᠡᠵᠦ ᠬᠦᠷᠦᠯᠴᠡᠬᠦ ᠦᠭᠡᠢ ᠵᠦᠢᠯ ᠢᠶᠠᠨ ᠨᠦᠬᠦᠪᠤᠷᠢᠯᠡᠬᠦ ᠵᠠᠩᠬᠢᠯᠠᠭ᠎ᠠ ᠶᠢᠨ ᠬᠤᠭᠤᠴᠠᠭ᠎ᠠ ᠪᠦᠭᠡᠳ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠡᠯᠳᠡ ᠤᠯᠬᠤ ᠰᠶᠢᠳᠪᠤᠷᠢᠳᠦ ᠬᠤᠭᠤᠴᠠᠭ᠎ᠠ ᠪᠤᠯᠤᠨ᠎ᠡ᠃ ᠪᠢᠳᠡᠨ ᠳᠤ ᠠᠵᠤ ᠠᠬᠤᠢ ᠪᠠᠭᠤᠷᠠᠭᠰᠠᠨ ᠲᠠᠷᠤᠯᠳᠠ ᠨᠡᠯᠢᠶᠡᠳ ᠶᠡᠭᠡ᠂ ᠤᠯᠡᠨ ᠠᠷᠪᠢᠨ ᠵᠦᠷᠢᠴᠡᠯ ᠲᠠᠪᠬᠤᠴᠠᠭᠰᠠᠨ ᠴᠢᠩᠭ᠎ᠠ ᠬᠠᠳᠠᠭᠤ ᠦᠷᠢᠰᠦᠯᠳᠦᠭᠡᠨ ᠲᠤᠯᠭᠠᠷᠠᠵᠦ ᠪᠠᠶᠢᠬᠤ ᠶᠢᠨ ᠵᠡᠷᠭᠡᠪᠡᠷ ᠪᠠᠰᠨ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ᠂ ᠠᠮᠢᠵᠢᠷᠠᠯ ᠤᠨ ᠬᠦᠴᠦᠨ ᠬᠦᠭᠵᠢᠭᠦᠨ ᠪᠠᠶᠢᠭ᠎ᠠ ᠬᠤᠪᠤᠷ ᠴᠤᠬᠠᠭ ᠠᠵᠨ ᠵᠠᠪᠰᠢᠶᠡᠨ ᠲᠤᠬᠢᠶᠠᠯᠳᠦᠵᠦ ᠪᠡᠶᠢᠨ᠎ᠡ᠃ ᠪᠦᠬᠦ ᠬᠤᠰᠢᠭᠤᠨ ᠤ ᠠᠷᠠᠳ ᠲᠦᠮᠡᠨ ᠪᠠᠰᠨ ᠨᠢᠭᠡᠨ ᠴᠤ᠋ ᠰᠢᠨ᠎ᠡ ᠡᠬᠢᠯᠡᠯᠳᠡ ᠶᠢᠨ ᠴᠢᠭ ᠲᠡᠭᠡᠷ᠎ᠡ ᠭᠠᠷᠤᠯ᠎ᠡ᠃ ᠢᠢᠮᠤ ᠠᠴᠠ ᠪᠢᠳᠡ ᠡᠷᠭᠡᠪᠰᠢ ᠴᠢᠩᠭ᠎ᠠ ᠨᠢᠮᠪᠠᠢ ᠬᠠᠷᠢᠭᠤᠴᠠᠯᠭᠠᠳᠦ ᠰᠡᠳᠬᠢᠯᠭᠡ᠂ ᠬᠦᠭᠵᠢᠯᠳᠡ ᠶᠢᠨ ᠦᠵᠡᠯ ᠤᠬᠠᠮᠰᠠᠷ ᠪᠤᠯᠤᠨ ᠠᠵᠨ ᠲᠤᠬᠢᠶᠠᠯ ᠤᠨ ᠤᠬᠠᠮᠰᠠᠷ ᠲᠠᠨᠢᠯᠳᠡ ᠲᠠᠢ ᠪᠠᠶᠢᠵᠦ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠭᠡᠪ ᠪᠠᠶᠢᠳᠡᠯ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠵᠦ᠂ ᠤᠨᠤᠪᠴᠢᠳᠡᠢ ᠠᠳᠬᠤᠵᠦ᠂ ᠤᠶᠤᠨ ᠴᠢᠳᠡᠯ ᠢᠶᠠᠨ ᠲᠦᠪᠯᠡᠷᠡᠭᠦᠯᠵᠦ᠂ ᠰᠢᠷᠭᠠᠭᠤ ᠬᠠᠳᠠᠭᠤᠵᠢᠯᠳᠡᠢ ᠠᠵᠢᠯᠯᠠᠵᠦ᠂ ᠰᠡᠭᠦᠯᠡᠷ ᠬᠦᠭᠵᠢᠭᠰᠡᠨ ᠲᠠᠪᠠᠭᠤᠯᠢᠭ ᠢᠶᠠᠨ ᠦᠨᠡᠨ ᠬᠦ ᠬᠦᠭᠵᠢᠯᠳᠡ ᠶᠢᠨ ᠲᠠᠪᠠᠭᠤᠯᠢᠭ ᠪᠤᠯᠭᠠᠨ ᠬᠤᠪᠢᠷᠠᠭᠤᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠪᠦᠬᠦ ᠲᠠᠯ᠎ᠡ ᠶᠢᠨ ᠵᠤᠬᠢᠴᠠᠩᠭᠤᠢ᠂ ᠦᠷᠭᠦᠯᠵᠢᠯᠡᠬᠦ ᠬᠦᠭᠵᠢᠯᠳᠡ ᠶᠢ ᠲᠦᠯᠬᠢᠨ ᠠᠬᠢᠭᠤᠯᠬᠤ ᠬᠡᠷᠡᠭᠳᠡᠢ᠃     ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠠᠷᠤᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠡᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠤᠭᠡᠷ᠂ ᠲᠠᠪᠤᠳᠤᠭᠠᠷ ᠪᠦᠬᠦᠳᠡ ᠬᠤᠷᠠᠯᠳᠤᠭᠠᠨ ᠤ ᠵᠤᠷᠢᠭ ᠰᠠᠨᠠᠭ᠎ᠠ ᠪᠤᠯᠤᠨ ᠰᠢ ᠶᠢᠨ ᠫᠢᠡᠭ ᠶᠡᠷᠤᠩᠬᠡᠢ ᠱᠦᠵᠢ ᠶᠢᠨ ᠰᠢᠷᠢᠰ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ︽ᠲᠦᠷᠪᠡᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ︾᠎ ᠶᠢ ᠪᠠᠷᠢᠮᠳᠡᠯᠡᠨ᠂ ᠬᠦᠭᠵᠢᠯᠲᠡ ᠪᠤᠯ ᠨᠢᠭᠡᠳᠦᠭᠡᠷ ᠭᠤᠤᠯ ᠠᠵᠢᠯ ᠪᠤᠯᠬᠤ ᠶᠢ ᠭᠤᠶᠢᠪᠠᠰᠢ ᠦᠭᠡᠢ ᠪᠠᠷᠢᠮᠲᠠᠯᠠᠵᠤ᠂ ︽ᠲᠠᠪᠤᠨ ᠶᠡᠭᠡ ᠬᠦᠭᠵᠢᠯᠳᠡ ᠶᠢᠨ ᠦᠢᠯᠭᠠᠭᠳᠠᠬᠤᠨ︾᠎ ᠢ ᠪᠠᠳᠦ ᠡᠵᠡᠮᠰᠢᠨ᠂ ᠠᠵᠤ ᠠᠬᠤᠢ ᠶᠢᠨ ᠶᠡᠷᠤᠩᠬᠡᠢ ᠬᠡᠮᠵᠢᠶ᠎ᠡ ᠶᠢ ᠲᠠᠰᠤᠷᠠᠯᠳᠡ ᠦᠭᠡᠢ ᠦᠷᠭᠡᠳᠭᠡᠬᠦ ᠪᠤᠯᠤᠨ ᠠᠵᠤ ᠠᠬᠤᠢ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠢᠭ ᠢ ᠬᠦᠴᠦᠯᠡᠨ ᠪᠦᠢᠵᠢᠭᠤᠯᠵᠦ᠂ ᠠᠵᠤ ᠠᠬᠤᠢ ᠎ ᠶᠢᠨ ᠪᠦᠳᠦᠴᠨ ᠶᠢ ᠬᠦᠴᠤᠳᠡᠢ ᠲᠤᠬᠢᠷᠠᠭᠤᠯᠤᠨ ᠰᠢᠯᠢᠳᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠳᠠ ᠪᠤᠯᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠨ᠂ ᠠᠵᠤ ᠦᠢᠯᠡᠳᠪᠤᠷᠢᠵᠢᠯᠳᠡ᠂ ᠰᠤᠷᠠᠭ ᠵᠠᠩᠬᠢᠵᠢᠯᠳᠡ᠂ ᠬᠤᠳᠡ ᠪᠠᠯᠭᠠᠰᠦᠵᠢᠯᠳᠡ᠂ ᠮᠠᠯ ᠠᠵᠤ ᠠᠬᠤᠢ ᠲᠠᠷᠢᠶᠡᠯᠡᠩ ᠤᠨ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢ ᠬᠦᠴᠦᠯᠡᠨ ᠠᠬᠢᠭᠤᠯᠵᠦ᠂ ᠠᠷᠠᠳ ᠤᠨ ᠠᠮᠢᠳᠦᠷᠡᠯ ᠢ ᠪᠠᠳᠤᠯᠠᠨ ᠰᠡᠶᠢᠵᠢᠷᠠᠭᠤᠯᠬᠤ ᠠᠵᠢᠯ ᠢ ᠡᠷᠴᠢᠮᠳᠡᠢ ᠬᠢᠵᠦ᠂ ᠨᠡᠶᠢᠭᠡᠮ ᠤᠨ ᠪᠦᠳᠦᠭᠡᠨ ᠪᠠᠶᠢᠭᠤᠯᠤᠯᠳᠠ ᠪᠤᠯᠤᠨ ᠨᠡᠶᠢᠭᠡᠮ ᠤᠨ ᠬᠠᠮᠢᠶᠠᠷᠤᠯᠳᠠ ᠶᠢᠨ ᠰᠢᠨ᠎ᠡ ᠶᠢ ᠡᠭᠦᠳᠬᠦ ᠠᠵᠢᠯ ᠢ ᠴᠢᠩᠭᠠᠳᠬᠠᠵᠦ᠂ ᠪᠦᠬᠦ ᠬᠤᠰᠢᠭᠤᠨ ᠤ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠦᠳᠦᠭᠡᠨ ᠪᠠᠶᠢᠭᠤᠯᠤᠯᠳᠠ᠂ ᠰᠤᠶᠤᠯ ᠤᠨ ᠪᠦᠳᠦᠭᠡᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠦᠨ ᠤ ᠪᠦᠳᠦᠭᠡᠨ ᠪᠠᠶᠢᠭᠤᠯᠤᠯᠳᠠ ᠪᠤᠯᠤᠨ ᠨᠡᠮ ᠤᠨ ᠪᠠᠶᠢᠭᠤᠯᠤᠯᠳᠠ ᠶᠢ ᠨᠢᠭᠡᠳᠦᠯᠳᠡᠢ ᠲᠦᠯᠦᠪᠯᠡᠨ ᠠᠬᠢᠭᠤᠯᠵᠦ᠂ ᠢᠳᠡᠭᠡᠯ ᠵᠤᠷᠢᠭ ᠢᠶᠠᠨ ᠪᠠᠳᠤᠳᠬᠠᠨ᠂ ᠬᠦᠴᠦᠨ ᠴᠢᠳᠡᠯ ᠢᠶᠠᠨ ᠬᠦᠪᠴᠢᠯᠡᠨ ᠂ ᠤᠷᠤᠨ ᠪᠠᠶᠢᠷᠢ ᠪᠠᠨ ᠲᠡᠪᠰᠢᠭᠦᠯᠵᠦ᠂ ᠲᠤᠭᠳᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ ᠲᠠᠯ᠎ᠡ ᠎ ᠪᠠᠷ ᠪᠡᠶᠡᠯᠡᠭᠦᠯᠬᠦ ᠶᠢ ᠪᠠᠳᠤᠯᠠᠨ᠎ᠡ᠃     ︽ᠠᠷᠪᠡᠨ ᠭᠤᠷᠪᠠᠳᠤᠭᠠᠷ ᠲᠠᠪᠤᠨ ᠵᠢᠯ︾᠎ ᠶᠢᠨ ᠬᠤᠭᠤᠴᠠᠭᠠᠨ ᠤ ᠰᠡᠭᠦᠯᠴᠢ ᠶᠢᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠭᠤᠤᠯ ᠪᠤᠯᠬᠤ ᠬᠦᠭᠵᠢᠯᠳᠡ ᠶᠢᠨ ᠬᠠᠷᠠᠯᠳᠡ ᠪᠤᠯ᠄ ᠤᠷᠤᠨ ᠨᠤᠲᠤᠭ ᠤᠨ ᠦᠢᠯᠡᠳᠪᠦᠷᠢᠯᠡᠯ ᠎ ᠤᠨ ᠶᠡᠷᠤᠩᠬᠡᠢ ᠦᠷᠳᠡᠭ ᠢ ᠪᠠᠷᠤᠭ 57 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ ᠪᠠᠷᠤᠭ 13%᠎ ᠪᠠᠷ ᠨᠡᠮᠡᠭᠳᠡᠭᠦᠯᠦᠨ᠎ᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 6.4 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 5.1%᠎ ᠪᠠᠷ ᠨᠡᠮᠡᠭᠳᠡᠭᠦᠯᠦᠨ᠎ᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 33 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 15.6%᠎ ᠪᠠᠷ ᠨᠡᠮᠡᠭᠳᠡᠭᠦᠯᠦᠨ᠎ᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 17.6 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 12%  ᠎ ᠪᠠᠷ ᠨᠡᠮᠡᠭᠳᠡᠭᠦᠯᠦᠨ᠎ᠡ᠃ ᠭᠤᠷᠪᠡᠨ ᠠᠵᠤ ᠦᠢᠯᠡᠰ ᠤᠨ ᠪᠦᠳᠦᠴᠨ ᠶᠢ 2015 ᠤᠨ ᠤ 16᠄ 51᠄ 33 ᠪᠠᠶᠢᠭᠰᠠᠨ ᠢ 11᠄ 58᠄ 31 ᠪᠤᠯᠭᠠᠨ ᠬᠤᠪᠢᠷᠠᠭᠠᠨ᠎ᠠ᠃ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ ᠶᠢ ᠲᠠᠪᠤᠨ ᠵᠢᠯ ᠳᠤ ᠨᠡᠶᠢᠳᠡ 210 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠵᠢᠯ ᠪᠦᠷᠢ ᠲᠤᠮᠳᠠᠴᠢ ᠪᠠᠷ 20.0%᠎ ᠪᠠᠷ ᠨᠡᠮᠡᠭᠳᠡᠭᠦᠯᠦᠨ᠎ᠡ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 2.1 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 11.5%᠎ ᠪᠠᠷ ᠨᠡᠮᠡᠭᠳᠡᠭᠦᠯᠦᠨ᠎ᠡ᠃ ᠬᠤᠳᠠ ᠪᠠᠯᠭᠠᠰᠦᠨ ᠤ ᠪᠠᠶᠢᠩᠭᠤ ᠰᠠᠭᠤᠭ᠎ᠠ ᠬᠦᠮᠦᠨ ᠪᠦᠷᠢ ᠶᠢᠨ ᠲᠤᠮᠳᠡᠴᠢ ᠡᠵᠡᠮᠰᠢᠵᠦ ᠪᠤᠯᠬᠤ ᠤᠷᠤᠯᠭ᠎ᠠ ᠶᠢ 44500 ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 10.1%᠎ ᠪᠠᠷ ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠬᠦᠮᠦᠨ ᠪᠦᠷᠢ ᠶᠢᠨ ᠲᠤᠮᠳᠠᠴᠢ ᠡᠵᠡᠮᠰᠢᠵᠦ ᠪᠤᠯᠬᠤ ᠤᠷᠤᠯᠭ᠎ᠠ ᠶᠢ 15000 ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 11.5%᠎ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠬᠤᠳᠠᠯᠳᠤᠬᠤ ᠶᠠᠷᠤᠩᠬᠡᠢ ᠦᠷᠳᠡᠭ ᠢ 13.5 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 11.3 %᠎ ᠪᠠᠷ ᠨᠡᠮᠡᠭᠳᠡᠭᠦᠯᠦᠨ᠎ᠡ᠃     ᠲᠡᠭᠡᠷᠡᠬᠢ ᠬᠠᠷᠠᠯᠳᠡ ᠡᠭᠦᠷᠭᠡ ᠶᠢ ᠪᠡᠶᠡᠯᠡᠭᠦᠯᠬᠦ ᠶᠢᠨ ᠲᠦᠯᠦᠭᠡ᠂ ᠬᠤᠶᠢᠰᠢᠳᠡ ᠶᠢᠨ ᠲᠠᠪᠤᠨ ᠵᠢᠯ ᠳᠤ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠬᠦᠭᠵᠢᠯᠳᠡ ᠶᠢ ᠪᠠᠷᠢᠮᠳᠠᠯᠠᠨ᠎ᠡ᠃ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠶᠠᠪᠤᠴᠨ ᠳᠤ ᠠᠭᠤᠰᠤᠯᠴᠠᠭᠤᠯᠵᠦ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠪᠠ ᠲᠤᠳᠤᠭᠠᠳᠦ ᠠᠭᠤᠯᠤᠭᠳᠠᠬᠤᠨ ᠪᠦᠬᠦᠢ ᠬᠦᠭᠵᠢᠯᠳᠡ ᠶᠢ ᠠᠬᠢᠭᠤᠯᠬᠤ ᠬᠦᠳᠡᠯᠭᠡᠬᠦ ᠬᠦᠴᠦᠨ ᠪᠤᠯᠭᠠᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠪᠦᠬᠦ ᠲᠠᠯ᠎ᠡ ᠶᠢᠨ ᠬᠦᠭᠵᠢᠯᠳᠡ ᠶᠢ ᠲᠦᠯᠬᠢᠨ ᠠᠬᠢᠭᠤᠯᠤᠨ᠎ᠡ᠃ ᠵᠤᠬᠢᠴᠠᠩᠭᠤᠢ ᠴᠤᠭᠯᠠᠷᠠᠯ ᠤᠨ ᠬᠦᠭᠵᠢᠯᠳᠡ ᠶᠢ ᠪᠠᠷᠢᠮᠳᠠᠯᠠᠨ᠎ᠡ᠃ ᠭᠤᠤᠯ ᠴᠤᠭᠴᠨ ᠶᠢᠨ ᠴᠢᠳᠡᠮᠵᠢ ᠶᠢᠨ ᠲᠤᠭᠤᠷᠢᠭ ᠤᠨ ᠪᠠᠶᠢᠷᠢᠯᠠᠭᠤᠯᠤᠯᠲᠠ ᠶᠢ ᠲᠠᠭᠠᠬᠤ ᠶᠢ ᠴᠢᠩᠭ᠎ᠠ ᠵᠢᠷᠤᠮᠯᠠᠵᠦ᠂ ᠰᠢᠨ᠎ᠡ ᠬᠡᠯᠪᠡᠷᠢ ᠶᠢᠨ ᠬᠤᠳᠡ ᠪᠠᠯᠭᠠᠰᠦᠵᠢᠯᠳᠡ ᠪᠤᠯᠤᠨ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢ ᠨᠢᠭᠡᠳᠦᠯᠳᠡᠢ ᠲᠦᠯᠦᠪᠯᠡᠵᠦ᠂ ᠠᠵᠤ ᠦᠢᠯᠡᠰ ᠤᠨ ᠴᠤᠭᠯᠠᠷᠠᠯ ᠢ ᠠᠬᠢᠭᠤᠯᠤᠨ᠂ ᠬᠦᠮᠦᠨ ᠠᠮᠨ ᠶᠢ ᠬᠠᠷᠢᠴᠠᠩᠭᠤᠢ ᠲᠦᠪᠯᠡᠷᠡᠭᠦᠯᠦᠨ᠂ ᠬᠤᠳᠡ ᠬᠦᠳᠡᠭᠡ ᠎ ᠶᠢ ᠨᠢᠭᠡ ᠴᠤᠭᠴᠠᠵᠢᠭᠤᠯᠤᠭᠰᠠᠨ ᠬᠦᠭᠵᠢᠯᠳᠡ ᠪᠠ ᠤᠷᠤᠨ ᠨᠤᠳᠤᠭ ᠤᠨ ᠵᠤᠬᠢᠴᠠᠩᠭᠤᠢ ᠬᠦᠭᠵᠢᠬᠦ ᠤᠯᠤᠰ ᠤᠨ ᠭᠠᠵᠠᠷ ᠰᠢᠷᠦᠢ ᠶᠢᠨ ᠰᠢᠨ᠎ᠡ ᠤᠷᠤᠨ ᠵᠠᠢ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ᠪᠤᠬᠢᠷᠳᠦᠯ ᠦᠭᠡᠢ ᠲᠤᠤᠷ᠎ᠡ ᠨᠡᠭᠦᠷᠡᠰᠦᠳᠦ᠋ᠷᠦᠭᠴᠢᠳᠦ ᠬᠦᠭᠵᠢᠯᠳᠡ ᠶᠢ ᠪᠠᠷᠢᠮᠳᠠᠯᠠᠨ᠎ᠡ᠃ ᠠᠮᠢ ᠠᠬᠤᠢ ᠶᠢᠨ ᠪᠤᠯᠪᠠᠰᠦᠨ ᠤ ᠪᠠᠶᠢᠭᠤᠯᠤᠯᠳᠠ ᠶᠢ ᠨᠡᠩ ᠲᠤᠪᠦᠶᠢᠮ᠎ᠡ ᠪᠠᠶᠢᠷᠢᠨ ᠳᠤ ᠲᠠᠯᠪᠢᠵᠦ᠂ ᠪᠤᠬᠢᠷᠳᠦᠯ ᠦᠭᠡᠢ᠂ ᠡᠷᠬᠢᠯᠳᠡᠳᠦ᠂ ᠲᠤᠤᠷ᠎ᠡ ᠨᠡᠭᠦᠷᠡᠰᠦᠳᠦᠷᠦᠭᠴᠢᠳᠦ ᠦᠢᠯᠡᠳᠪᠤᠷᠢᠯᠡᠯ ᠤᠨ ᠬᠡᠯᠪᠡᠷᠢ ᠶᠢ ᠬᠦᠨᠵᠡᠭᠡᠢ ᠠᠬᠢᠭᠤᠯᠵᠦ᠂ ᠠᠷᠪᠢᠯᠡᠨ ᠭᠠᠮᠨᠠᠬᠤ᠂ ᠡᠷᠡᠭᠦᠯ ᠴᠢᠬᠢᠷᠠᠭ᠂ ᠤᠷᠴᠢᠨ ᠲᠤᠭᠤᠷᠢᠨ ᠤ ᠠᠮᠢᠳᠦᠷᠡᠯ ᠤᠨ ᠤᠬᠠᠮᠰᠠᠷ ᠲᠠᠨᠢᠯᠳᠡ ᠶᠢ ᠢᠳᠡᠪᠬᠢᠳᠡᠢ ᠰᠠᠨᠠᠭᠠᠴᠢᠯᠡᠵᠦ᠂ ᠠᠮᠢ ᠠᠬᠤᠢ ᠤᠷᠴᠢᠨ ᠲᠤᠭᠤᠷᠢᠨ ᠤ ᠵᠠᠰᠠᠯᠳᠡ ᠶᠢ ᠴᠢᠩᠭᠠᠳᠬᠠᠵᠦ᠂ ᠡᠬᠢ ᠪᠡᠶᠡᠯᠢᠭ᠋ ᠢ ᠶᠠᠷᠤᠩᠬᠡᠶᠢᠯᠡᠨ ᠠᠰᠢᠭᠯᠠᠵᠦ᠂ ᠦᠷᠭᠦᠯᠵᠢᠯᠡᠬᠦᠶᠢᠴᠡ ᠬᠦᠭᠵᠢᠯᠳᠡ ᠶᠢ ᠪᠡᠶᠡᠯᠡᠭᠦᠯᠦᠨ᠎ᠡ᠃ ᠨᠡᠭᠡᠭᠡᠯᠳᠡ ᠲᠠᠢ ᠬᠠᠮᠳᠤᠷᠠᠨ ᠠᠵᠢᠯᠯᠠᠬᠤ ᠬᠦᠭᠵᠢᠯᠳᠡ ᠶᠢ ᠪᠠᠷᠢᠮᠳᠠᠯᠠᠨ᠎ᠡ᠃ ᠨᠡᠩ ᠰᠡᠶᠢᠨ ᠨᠡᠭᠡᠭᠡᠯᠳᠡ ᠬᠢᠬᠦ ᠤᠪᠤᠷ ᠢᠶᠠᠷ ᠤᠯᠤᠰ ᠤᠨ ︽ᠨᠢᠭᠡ ᠪᠦᠰᠨ ᠨᠢᠭᠡ ᠵᠠᠮ︾᠂ ᠪᠡᠭᠡᠵᠢᠩ ᠲᠢᠶᠠᠠᠵᠢᠨ ᠡᠾᠧᠪᠸᠢ ᠲᠠᠢ ᠬᠠᠮᠳᠤᠪᠠᠷ ᠬᠦᠭᠵᠢᠬᠦ ᠲᠤᠮᠳᠠ ᠠᠭᠤᠰᠤᠯᠴᠡᠨ᠂ ᠦᠪᠡᠷ ᠤᠨ ᠲᠠᠪᠠᠭᠤᠯᠢᠭ ᠪᠤᠯᠤᠨ ᠡᠳᠡᠭᠡᠷ ᠭᠠᠵᠠᠷ ᠤᠷᠤᠨ ᠤ ᠬᠡᠷᠡᠭᠴᠡᠭᠡ ᠶᠢ ᠴᠢᠩᠭ᠎ᠠ ᠡᠵᠡᠮᠰᠢᠨ᠂ ᠵᠤᠬᠢᠴᠠᠩᠭᠤᠢ ᠬᠦᠭᠵᠢᠬᠦ ︽ᠤᠶᠠᠯᠳᠦᠯ ᠤᠨ ᠴᠡᠭ︾᠎ ᠢ ᠤᠨᠤᠪᠴᠢᠳᠡᠢ ᠡᠵᠡᠮᠳᠡᠨ᠎ᠡ᠃ ᠬᠤᠶᠠᠷ ᠡᠬᠢ ᠪᠡᠶᠡᠯᠢᠭ᠋ ᠪᠤᠯᠤᠨ ᠬᠤᠶᠠᠷ ᠵᠠᠬ᠎ᠠ ᠲᠡᠯᠭᠡᠭᠦᠷ ᠢ ᠬᠦᠢᠴᠡᠳ ᠠᠰᠢᠭᠯᠠᠵᠦ᠂ ᠭᠠᠳᠠᠭᠰᠢ ᠬᠤᠷᠰᠢᠨ ᠠᠵᠢᠯᠯᠠᠬᠤ ᠶᠢ ᠴᠢᠩᠭᠠᠳᠬᠠᠨ᠂ ᠠᠷᠠᠯᠵᠢᠶᠠᠴᠢᠨ ᠤᠷᠢᠵᠦ ᠪᠡᠯᠨ ᠲᠠᠳᠠᠬᠤ ᠠᠵᠢᠯ ᠳᠤ ᠰᠢᠨ᠎ᠡ ᠰᠢᠪᠳᠤᠯᠤᠯᠳᠡ ᠶᠢ ᠪᠡᠶᠡᠯᠡᠭᠦᠯᠦᠨ᠎ᠡ᠃ ᠡᠶ᠎ᠡ ᠨᠠᠶᠢᠷᠠᠮᠳᠠᠭᠤ ᠬᠠᠮᠳᠤ ᠪᠠᠷ ᠡᠳ᠋ᠯᠡᠬᠦ ᠬᠦᠭᠵᠢᠯᠳᠡ ᠶᠢ ᠪᠠᠷᠢᠮᠳᠠᠯᠠᠨ᠎ᠡ᠃ ᠤᠷᠤᠯᠭ᠎ᠠ ᠶᠢᠨ ᠬᠤᠪᠢᠶᠠᠷᠢᠯᠡᠯᠳᠡ ᠶᠢᠨ ᠪᠠᠶᠢᠷᠢᠰᠢᠭᠤᠯᠤᠯᠳᠠ ᠪᠤᠯᠤᠨ ᠵᠤᠬᠢᠴᠠᠭᠤᠯᠬᠤ ᠲᠤᠭᠳᠠᠯᠴᠠᠭ᠎ᠠ ᠶᠢ ᠪᠦᠷᠢᠨᠰᠢᠭᠦᠯᠵᠦ᠂ ᠦᠨᠳᠦᠰᠦᠨ ᠤᠯᠡᠨ ᠨᠡᠶᠢᠳᠡ ᠶᠢᠨ ᠦᠢᠯᠡᠴᠢᠯᠡᠭᠡ ᠶᠢ ᠬᠠᠮᠳᠦ ᠪᠠᠷ ᠪᠠᠶᠢᠭᠤᠯᠤᠨ ᠬᠠᠮᠳᠤ ᠪᠠᠷ ᠡᠳᠡᠯᠬᠦ ᠶᠢ ᠠᠬᠢᠭᠤᠯᠵᠦ᠂ ᠵᠠᠬ᠎ᠠ ᠲᠡᠯᠭᠡᠭᠦᠷ ᠢ ᠨᠢᠭᠡ ᠴᠤᠭᠴᠠᠵᠢᠭᠤᠯᠬᠤ ᠶᠢ ᠲᠦᠷᠭᠡᠳᠭᠡᠵᠦ᠂ ᠨᠡᠶᠢᠭᠡᠮ ᠤᠨ ᠵᠠᠰᠠᠯᠳᠠ ᠎ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠨᠡᠶᠢᠭᠡᠮ ᠤᠨ ᠭᠤᠤᠯᠴᠢ᠂ ᠰᠢᠳᠦᠷᠭᠤ ᠶᠤᠰᠦ ᠶᠢ ᠠᠬᠢᠭᠤᠯᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ ᠬᠦᠭᠵᠢᠯᠳᠡ ᠶᠢᠨ ᠶᠠᠪᠤᠴᠨ ᠳᠤ ᠨᠡᠩ ᠦᠷᠭᠡᠨ ᠎ ᠢᠶᠠᠷ ᠤᠷᠤᠯᠴᠠᠭᠤᠯᠵᠦ᠂ ᠬᠦᠭᠵᠢᠯᠳᠡ ᠶᠢᠨ ᠦᠷ᠎ᠡ ᠪᠦᠳᠦᠭᠡᠯ ᠢ ᠨᠡᠩ ᠭᠤᠤᠯᠴᠢ ᠪᠠᠷ ᠡᠳ᠋ᠯᠡᠭᠦᠯᠦᠨ᠎ᠡ᠃ ᠤᠨᠴᠠᠯᠢᠭᠳᠦ ᠤᠯᠡᠨ ᠶᠠᠩᠵᠤᠳᠦ ᠬᠦᠭᠵᠢᠯᠳᠡ ᠶᠢ ᠪᠠᠷᠢᠮᠳᠠᠯᠡᠨ᠎ᠡ᠃ ᠪᠤᠬᠢᠷᠳᠦᠯ ᠦᠭᠡᠢ ᠮᠠᠯ ᠲᠠᠷᠢᠶᠠᠯᠡᠩ ᠤᠨ ᠪᠦᠳᠦᠭᠡᠭᠳᠡᠭᠦᠨ ᠢ ᠦᠢᠯᠡᠳᠪᠤᠷᠢᠯᠡᠵᠦ ᠪᠤᠯᠪᠠᠰᠤᠷᠠᠭᠤᠯᠬᠤ᠂ ᠴᠡᠪᠡᠷ ᠡᠨᠧᠷᠬᠢ᠂ ᠳᠤᠨᠤᠭ ᠲᠦᠭᠦᠭᠡᠷᠦᠮᠵᠢ ᠦᠢᠯᠡᠳᠪᠤᠷᠢᠯᠡᠬᠦ᠂ ᠠᠭᠤᠷᠬᠠᠢ ᠰᠤᠩᠭᠤᠬᠤ ᠲᠡᠮᠦᠷᠯᠢᠭ ᠪᠤᠯᠪᠠᠰᠤᠷᠠᠭᠤᠯᠬᠤ᠂ ᠰᠢᠨ᠎ᠡ ᠭᠡᠯᠪᠡᠷᠢ ᠶᠢᠨ ᠪᠦᠳᠦᠭᠡᠨ ᠪᠠᠶᠢᠭᠤᠯᠤᠯᠳᠠ ᠶᠢᠨ ᠮᠠᠲ᠋ᠧᠷᠢᠶᠠᠯ᠂ ᠲᠠᠯ᠎ᠡ ᠨᠤᠳᠤᠭ ᠤᠨ ᠰᠤᠶᠤᠯ ᠵᠤᠭᠠᠴᠡᠯ ᠵᠡᠷᠭᠡ ᠲᠠᠪᠠᠭᠤᠯᠢᠭ ᠤᠨᠴᠠᠯᠢᠭᠳᠦ ᠠᠵᠤ ᠦᠢᠯᠡᠰ ᠢ ᠪᠦᠢᠵᠢᠭᠤᠯᠤᠨ ᠪᠤᠵᠠᠭᠠᠶᠢᠷᠠᠭᠤᠯᠵᠦ᠂ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠎ᠡ᠃ ᠦᠢᠯᠡᠳᠪᠦᠷᠢᠯᠡᠯ ᠤᠨ ᠴᠢᠨᠡᠷᠳᠡᠢ ᠦᠢᠯᠡᠴᠢᠯᠡᠭᠡᠨ ᠤ ᠦᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠡᠢ ᠰᠢᠨ᠎ᠡ ᠬᠡᠯᠪᠡᠷᠢ ᠶᠢᠨ ᠠᠵᠤ ᠦᠢᠯᠡᠰ ᠢ ᠢᠳᠡᠪᠬᠢᠳᠡᠢ ᠬᠦᠭᠵᠢᠭᠦᠯᠵᠦ᠂ ᠤᠯᠠᠮᠵᠢᠯᠠᠯᠳᠦ ᠠᠵᠤ ᠦᠢᠯᠡᠰ ᠢ ᠰᠢᠨ᠎ᠡ ᠬᠡᠯᠪᠡᠷᠴᠢᠯᠡᠬᠦ᠂ ᠰᠢᠨ᠎ᠡ ᠬᠡᠯᠪᠡᠷᠢ ᠶᠢᠨ ᠠᠵᠤ ᠦᠢᠯᠡᠰ ᠢ ᠭᠡᠪᠴᠢᠶᠡᠵᠢᠭᠦᠯᠬᠦ ᠶᠢ ᠪᠡᠶᠡᠯᠡᠭᠦᠯᠵᠦ᠂ ᠲᠤᠯᠭᠠᠭᠤᠷᠢ ᠠᠵᠤ ᠦᠢᠯᠡᠰ ᠢ ᠤᠯᠡᠨ ᠡᠰᠢᠵᠢᠭᠦᠯᠦᠨ᠎ᠡ᠃     2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠡᠬᠢᠯᠡᠯᠳᠡ ᠶᠢᠨ ᠵᠢᠯ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠵᠠᠩᠬᠢᠯᠠᠭ᠎ᠠ ᠶᠢᠨ ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠡᠶᠡᠯᠡᠭᠦᠯᠬᠦ ᠶᠢᠨ ᠢᠯᠡᠯᠳᠡ ᠤᠯᠬᠤ ᠰᠶᠢᠳᠪᠤᠷᠢᠳᠦ ᠬᠤᠭᠤᠴᠠᠭᠠᠨ ᠤ ᠡᠬᠢᠯᠡᠯᠳᠡ ᠶᠢᠨ ᠵᠢᠯ ᠪᠤᠯᠤᠨ᠎ᠡ᠃ ᠡᠨᠡ ᠵᠢᠯ ᠤᠨ ᠡᠯ᠎ᠡ ᠲᠦᠷᠦᠯ ᠤᠨ ᠠᠵᠢᠯ ᠢ ᠰᠡᠶᠢᠳᠦᠷ ᠬᠢᠬᠦ ᠨᠢ᠂ ᠠᠵᠤ ᠠᠬᠤᠢ ᠶᠢᠨ ᠲᠤᠭᠳᠠᠭᠤᠨ ᠢᠶᠠᠷ ᠲᠦᠷᠭᠡᠨ ᠬᠦᠭᠵᠢᠬᠦ ᠪᠤᠯᠤᠨ ︽ᠠᠷᠪᠡᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠎ ᠶᠢ ᠤᠷᠤᠭᠰᠢᠳᠡᠢ ᠡᠬᠢᠯᠡᠭᠦᠯᠬᠦ ᠳᠤ ᠴᠢᠬᠤᠯᠨ ᠠᠴᠢ ᠬᠤᠯᠪᠤᠭᠳᠠᠯ ᠲᠠᠢ ᠶᠤᠮ᠃ ᠢᠢᠮᠤ ᠠᠴᠠ ᠪᠢᠳᠡ ᠦᠵᠡᠯ ᠰᠠᠨᠠᠭ᠎ᠠ ᠎ ᠪᠠᠨ ᠤᠯᠠᠮ ᠨᠢᠭᠡᠳᠭᠡᠵᠦ᠂ ᠴᠠᠭ ᠤᠨ ᠪᠠᠶᠢᠳᠡᠯ ᠢ ᠤᠨᠤᠪᠴᠢᠳᠡᠢ ᠡᠵᠡᠮᠰᠢᠵᠦ᠂ ᠢᠳᠡᠭᠡᠯ ᠵᠤᠷᠢᠭ ᠢᠶᠠᠨ ᠪᠠᠳᠤᠳᠬᠠᠵᠦ᠂ ᠠᠵᠨ ᠲᠤᠬᠢᠶᠠᠯ ᠢ ᠠᠳᠬᠤᠵᠦ᠂ ᠭᠤᠤᠯᠳᠠᠯᠭ᠎ᠠ ᠶᠢ ᠲᠤᠪᠦᠶᠢᠯᠭᠠᠵᠦ᠂ ᠬᠦᠴᠢᠷ ᠲᠦᠪᠡᠭᠳᠡᠢ ᠠᠰᠠᠭᠤᠳᠡᠯ ᠢ ᠰᠶᠢᠳᠪᠤᠷᠢᠯᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠮᠦᠷᠳᠡᠭᠡᠨ ᠲᠦᠷᠭᠡᠨ ᠬᠦᠭᠵᠢᠯᠳᠡ ᠎ ᠶᠢᠨ ᠰᠡᠶᠢᠨ ᠪᠠᠶᠢᠳᠡᠯ ᠢ ᠴᠢᠷᠮᠠᠶᠢᠨ ᠪᠠᠳᠤᠯᠠᠬᠤ ᠬᠡᠷᠡᠭᠳᠡᠢ᠃ ᠡᠨᠡ ᠵᠢᠯ ᠤᠨ ᠠᠵᠤ ᠠᠬᠤᠢ ᠶᠢᠨ ᠨᠡᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠡ ᠪᠤᠯ᠄ ᠤᠷᠤᠨ ᠨᠤᠲᠤᠭ ᠤᠨ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 33.6 ᠳ᠋ᠦᠩᠰᠢᠭᠤᠷ ᠲᠦᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠠᠴᠠ 10.8%᠎ ᠪᠠᠷ ᠨᠡᠮᠡᠭᠳᠡᠭᠦᠯᠦᠨ᠎ᠡ︔ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 5.2 ᠳ᠋ᠦᠩᠰᠢᠭᠤᠷ ᠲᠦᠭᠦᠷᠢᠭ ᠲᠤ ᠬᠦᠷᠭᠡᠵᠦ᠂ 5.1%᠎ ᠪᠠᠷ ᠨᠡᠮᠡᠭᠳᠡᠭᠦᠯᠦᠨ᠎ᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 16.6 ᠳ᠋ᠦᠩᠰᠢᠭᠤᠷ ᠲᠦᠭᠦᠷᠢᠭ ᠲᠤ ᠬᠦᠷᠭᠡᠵᠦ᠂ 11.4%᠎ ᠪᠠᠷ ᠨᠡᠮᠡᠭᠳᠡᠭᠦᠯᠦᠨ᠎ᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 11.8 ᠳ᠋ᠦᠩᠰᠢᠭᠤᠷ ᠲᠦᠭᠦᠷᠢᠭ ᠲᠤ ᠬᠦᠷᠭᠡᠵᠦ᠂ 9.7%᠎ ᠪᠠᠷ ᠨᠡᠮᠡᠭᠳᠡᠭᠦᠯᠦᠨ᠎ᠡ︔ ᠤᠯᠡᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 1.36 ᠳ᠋ᠦᠩᠰᠢᠭᠤᠷ ᠲᠦᠭᠦᠷᠢᠭ ᠲᠤ ᠬᠦᠷᠭᠡᠵᠦ᠂ 11.0%᠎ ᠪᠠᠷ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ ᠶᠢ 28.2 ᠳ᠋ᠦᠩᠰᠢᠭᠤᠷ ᠲᠦᠭᠦᠷᠢᠭ ᠪᠡᠶᠡᠯᠡᠭᠦᠯᠵᠦ᠂ 20.5%᠎ ᠪᠠᠷ ᠨᠡᠮᠡᠭᠳᠡᠭᠦᠯᠦᠨ᠎ᠡ︔ ᠬᠤᠳᠡ ᠬᠦᠳᠡᠭᠡ ᠶᠢᠨ ᠪᠠᠶᠢᠩᠭᠤ ᠰᠠᠭᠤᠭ᠎ᠠ ᠬᠦᠮᠦᠨ ᠪᠦᠷᠢ ᠶᠢᠨ ᠲᠤᠮᠳᠠᠴᠢ ᠡᠵᠡᠮᠰᠢᠵᠦ ᠪᠤᠯᠬᠤ ᠤᠷᠤᠯᠭ᠎ᠠ ᠶᠢ ᠲᠤᠰ ᠪᠦᠷᠢ 30100 ᠲᠦᠭᠦᠷᠢᠭ ᠪᠤᠯᠤᠨ 9100 ᠲᠦᠭᠦᠷᠢᠭ ᠪᠡᠶᠡᠯᠡᠭᠦᠯᠵᠦ᠂ ᠲᠤᠰ ᠪᠦᠷᠢ 10.0 % ᠪᠤᠯᠤᠨ 10.4%᠎ ᠪᠠᠷ ᠨᠡᠮᠡᠭᠳᠡᠭᠦᠯᠦᠨ᠎ᠡ︔ ᠨᠡᠶᠢᠭᠡᠮ ᠤᠨ ᠭᠡᠷᠡᠭᠯᠡᠭᠡᠨ ᠤ ᠲᠠᠸᠠᠷ ᠢ ᠵᠢᠵᠢᠭᠯᠡᠨ ᠬᠤᠳᠠᠯᠳᠤᠬᠤ ᠶᠠᠷᠤᠩᠬᠡᠢ ᠦᠷᠳᠡᠭ ᠎ ᠢ 8.5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 10.4%᠎ ᠪᠠᠷ ᠨᠡᠮᠡᠭᠳᠡᠭᠦᠯᠦᠨ᠎ᠡ᠃     ᠡᠳᠡᠭᠡᠷ ᠬᠦᠢᠴᠡᠳᠭᠡᠬᠦ ᠲᠤᠭ᠎ᠠ ᠶᠢ ᠪᠤᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠠᠴᠠ ᠬᠤᠰᠢᠭᠤᠨ ᠤ ᠦᠨᠳᠦᠰᠦᠨ ᠪᠠᠶᠢᠳᠡᠯ ᠳᠤ ᠴᠢᠭᠯᠡᠭᠦᠯᠦᠨ ᠬᠦᠭᠵᠢᠯᠳᠡ ᠶᠢᠨ ᠲᠠᠯᠳᠠ ᠬᠦᠴᠦᠨ᠂ ᠠᠵᠤ ᠦᠢᠯᠡᠰ ᠤᠨ ᠰᠠᠭᠤᠷᠢ᠂ ᠲᠦᠷᠦᠯ ᠵᠦᠢᠯ ᠤᠨ ᠪᠠᠶᠢᠭᠤᠯᠤᠯᠳᠠ ᠵᠡᠷᠭᠡ ᠰᠢᠯᠳᠠᠭᠠᠨ ᠢ ᠬᠦᠢᠴᠡᠳ ᠪᠤᠳᠤᠯᠬᠢᠯᠡᠵᠦ᠂ ᠬᠢᠨᠠᠮᠠᠭᠠᠢ ᠰᠤᠳᠤᠯᠤᠨ ᠶᠠᠷᠢᠯᠴᠠᠭᠰᠠᠨ ᠤ ᠲᠠᠷᠠᠭ᠎ᠠ ᠲᠤᠭᠳᠠᠭᠠᠭᠰᠠᠨ ᠶᠤᠮ᠃ 2016 ᠤᠨ ᠪᠤᠯ ᠮᠠᠨ ᠤ ᠬᠤᠰᠢᠭᠤᠨ ᠤ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠲᠡᠳᠡᠨ ᠤᠷᠤᠭᠤᠯᠵᠦ ᠲᠦᠪᠯᠡᠷᠡᠭᠦᠯᠦᠨ ᠪᠦᠳᠦᠭᠡᠨ ᠪᠠᠶᠢᠭᠤᠯᠬᠤ ᠬᠤᠭᠤᠴᠠᠭ᠎ᠠ ᠪᠠᠶᠢᠵᠦ᠂ 2017 ᠤᠨ ᠪᠤᠯᠬᠤ ᠳᠤ ᠡᠯ᠎ᠡ ᠲᠦᠷᠦᠯ ᠵᠦᠢᠯ ᠤᠨ ᠵᠠᠯᠭᠠᠪᠡᠷ ᠪᠠᠶᠢᠭᠤᠯᠤᠭᠳᠠᠵᠦ᠂ ᠦᠢᠯᠡᠳᠪᠦᠷᠢᠯᠡᠯ ᠤᠨ ᠨᠤᠷᠮ᠎ᠡ ᠪᠠ ᠦᠷ᠎ᠡ ᠠᠰᠢᠭ ᠢᠶᠠᠨ ᠪᠡᠶᠡᠯᠡᠭᠦᠯᠬᠦ ᠶᠢ ᠲᠠᠭᠠᠯᠳᠦᠨ᠂ ᠮᠠᠨ ᠤ ᠬᠤᠰᠢᠭᠤᠨ ᠤ ᠠᠵᠤ ᠠᠬᠤᠢ ᠶᠢᠨ ᠲᠦᠷᠭᠡᠨ ᠬᠦᠭᠵᠢᠯᠳᠡ ᠶᠢ ᠬᠦᠴᠦᠳᠡᠢ ᠠᠬᠢᠭᠤᠯᠵᠦ᠂ ᠭᠠᠵᠠᠷ ᠤᠷᠤᠨ ᠤ ᠦᠯᠡᠳᠪᠦᠷᠢᠯᠡᠯ ᠤᠨ ᠶᠡᠷᠤᠩᠬᠡᠢ ᠦᠷᠳᠡᠭ ᠨᠢ ᠨᠡᠯᠢᠶᠡᠳ ᠬᠤᠷᠳᠦᠨ ᠨᠡᠮᠡᠭᠳᠡᠯ ᠢ ᠪᠡᠶᠡᠯᠡᠭᠦᠯᠵᠦ᠂ ᠡᠭᠦᠨ ᠢᠶᠠᠷ ᠳᠠᠮᠵᠢᠵᠤ ︽ᠠᠷᠪᠡᠨ ᠭᠤᠷᠪᠠᠳᠤᠭᠠᠷ ᠲᠠᠪᠤᠨ ᠵᠢᠯ︾᠎ ᠤᠨ ᠬᠦᠭᠵᠢᠯᠳᠡ ᠶᠢᠨ ᠬᠠᠷᠠᠯᠳᠡ ᠪᠠᠨ ᠠᠮᠵᠢᠯᠳᠡ ᠲᠠᠢ ᠪᠡᠶᠡᠯᠡᠭᠦᠯᠦᠨ᠎ᠡ᠃     ᠲᠡᠭᠡᠷ᠎ᠡ ᠲᠤᠷᠠᠳᠤᠭᠰᠠᠨ ᠬᠠᠷᠠᠯᠳᠠ ᠶᠢᠨ ᠲᠤᠭᠤᠷᠢᠨ ᠳᠤ᠂ ᠲᠤᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠬᠢᠭᠤᠯᠤᠨ᠎ᠡ᠄     ︵ᠨᠢᠭᠡ︶ ᠲᠦᠷᠦᠯ ᠵᠦᠢᠯ ᠢ ᠠᠳᠬᠤᠵᠦ᠂ ᠪᠡᠯᠨ ᠤᠷᠤᠭᠤᠯᠤᠯᠳᠠ ᠶᠢ ᠠᠬᠢᠭᠤᠯᠬᠤ ᠪᠠᠷ ᠭᠤᠤᠯᠳᠠᠯᠭ᠎ᠠ ᠪᠤᠯᠭᠠᠵᠦ᠂ ᠠᠵᠤ ᠠᠬᠤᠢ  ᠎ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠡ     — — ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠨ᠎ᠠ᠃ ᠤᠯᠤᠰ ᠎ ᠤᠨ ᠬᠤᠷᠸ᠎ᠠ ᠲᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠪᠤᠯᠤᠨ ᠠᠵᠤ ᠦᠢᠯᠡᠰ ᠤᠨ ᠬᠦᠭᠵᠢᠯᠳᠡ ᠶᠢᠨ ᠵᠢᠯᠤᠭᠤᠳᠤᠮᠵᠢ ᠶᠢ ᠬᠦᠨᠵᠡᠭᠡᠢ ᠰᠤᠳᠦᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠬᠦᠮᠦᠷᠭᠡ ᠶᠢ ᠲᠡᠭᠦᠯᠳᠡᠷᠵᠢᠭᠦᠯᠵᠦ᠂ ᠨᠢᠭᠡ ᠪᠦᠯᠦᠭ ᠲᠠᠪᠠᠭᠤᠯᠢᠭ ᠢᠶᠠᠷ ᠲᠤᠪᠦᠶᠢᠮ᠎ᠡ᠂ ᠤᠨᠴᠠᠯᠢᠭ ᠢᠶᠠᠷ ᠲᠤᠳᠤ᠂ ᠵᠠᠬ᠎ᠠ ᠲᠠᠯᠭᠡᠭᠦᠷ ᠎ ᠤᠨ ᠢᠷᠡᠭᠡᠳᠦᠢ ᠲᠠᠢ ᠲᠤᠮᠤ ᠲᠦᠷᠦᠯ ᠵᠦᠢᠯ ᠢ ᠲᠦᠰᠦᠪᠯᠡᠵᠦ᠂ ᠲᠡᠭᠡᠳᠦ ᠱᠠᠳᠦᠨ ᠠᠴᠠ ᠢᠳᠡᠪᠬᠢᠳᠡᠢ ᠪᠠᠷ ᠭᠤᠶᠤᠴᠢᠯᠡᠨ ᠮᠡᠳᠡᠭᠦᠯᠵᠦ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠪᠡᠯᠨ ᠤᠷᠤᠭᠤᠯᠤᠯᠳᠠ ᠶᠢᠨ ᠭᠡᠪᠴᠢᠶᠡᠨ ᠎ ᠳᠤ ᠤᠷᠤᠭᠤᠯᠬᠤ ᠪᠠᠷ ᠴᠢᠷᠮᠠᠶᠢᠨ᠎ᠡ᠃ ᠪᠦᠬᠦ ᠵᠢᠯ ᠳᠤ 500 ᠲᠦᠮᠡᠨ ᠲᠦᠭᠦᠷᠢᠭ ᠠᠴᠠ ᠲᠡᠭᠡᠭᠰᠢ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ ᠶᠢᠨ 57 ᠲᠦᠷᠦᠯ ᠵᠦᠢᠯ ᠢ ᠬᠡᠷᠡᠭᠵᠢᠭᠦᠯᠵᠦ᠂ ᠠᠶᠢᠮᠠᠭ ᠤᠨ ᠲᠡᠰ ᠤᠨ 4 ᠭᠤᠤᠯᠳᠠᠯᠭ᠎ᠠ ᠲᠠᠢ ᠲᠦᠷᠦᠯ ᠵᠦᠢᠯ ᠪᠤᠯᠤᠨ ᠬᠤᠰᠢᠭᠤ ᠱᠠᠳᠦᠨ ᠤ 15 ᠭᠤᠤᠯᠳᠠᠯᠭ᠎ᠠ ᠲᠠᠢ ᠲᠦᠷᠦᠯ ᠵᠦᠢᠯ ᠢ ᠲᠤᠪᠦᠶᠢᠮ᠎ᠡ ᠠᠳᠬᠤᠨ᠎ᠡ᠃ ᠭᠤᠤᠯᠳᠠᠯᠭ᠎ᠠ ᠲᠠᠢ ᠲᠦᠷᠦᠯ ᠵᠦᠢᠯ ᠢ ᠬᠤᠰᠢᠭᠤ ᠱᠠᠳᠦᠨ ᠤ ᠤᠳᠦᠷᠢᠳᠤᠯᠭ᠎ᠠ ᠠᠴᠠ ᠬᠠᠷᠢᠯᠴᠠᠬᠤ᠂ ᠰᠠᠯᠠᠭ᠎ᠠ ᠮᠦᠴᠢᠷ ᠠᠴᠠ ᠲᠠᠭᠠᠵᠦ ᠦᠢᠯᠡᠴᠢᠯᠡᠬᠦ᠂ ᠲᠦᠷᠦᠯ ᠵᠦᠢᠯ ᠤᠨ ᠨᠠᠷᠢᠨ ᠪᠡᠴᠢᠭᠡᠴᠢ ᠶᠢᠨ ᠲᠦᠷᠢᠮ ᠬᠢᠭᠡᠳ ᠬᠤᠰᠢᠭᠤ᠂ ᠰᠠᠯᠠᠭ᠎ᠠ ᠮᠦᠴᠢᠷ᠂ ᠠᠵᠤ ᠠᠬᠤᠶᠢᠯᠡᠯ ︽1 +1 +1︾᠎ ᠶᠢᠨ ᠠᠵᠢᠯᠯᠠᠬᠤ ᠲᠤᠭᠳᠠᠴᠨ ᠶᠢ ᠦᠷᠭᠦᠯᠵᠢᠯᠡᠨ ᠬᠡᠷᠡᠭᠵᠢᠭᠦᠯᠵᠦ᠂ ᠲᠤᠬᠢᠷᠠᠭᠤᠯᠤᠯᠳᠠ᠂ ᠦᠢᠯᠡᠴᠢᠯᠡᠭᠡ ᠪᠤᠯᠤᠨ ᠲᠤᠬᠢᠷᠠᠭᠤᠯᠬᠤ ᠡᠷᠴᠢᠮ ᠢ ᠶᠡᠭᠡᠰᠭᠡᠵᠦ᠂ ᠲᠦᠷᠦᠯ ᠵᠦᠢᠯ ᠢ ᠲᠦᠯᠬᠢᠨ ᠠᠬᠢᠭᠤᠯᠬᠤ ᠲᠤᠮᠳᠠ ᠤᠷᠤᠰᠢᠵᠦ ᠪᠠᠶᠢᠭ᠎ᠠ ᠬᠦᠴᠢᠷ ᠪᠤᠯᠤᠨ ᠠᠰᠠᠭᠤᠳᠡᠯ ᠢ ᠴᠠᠭ ᠲᠤᠬᠠᠢ ᠳᠤᠨᠢ ᠰᠶᠢᠳᠪᠤᠷᠢᠯᠡᠨ᠎ᠡ᠃ ᠪᠦᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠤᠨ ᠠᠮᠵᠢᠯᠳᠠ ᠪᠦᠳᠦᠮᠵᠢ ᠶᠢ ᠱᠠᠭᠠᠷᠳᠡᠨ ᠪᠠᠶᠢᠴᠠᠭᠠᠵᠦ᠂ ᠬᠢᠨᠠᠨ ᠦᠨᠡᠯᠡᠬᠦ ᠠᠵᠢᠯ ᠲᠠᠢ ᠤᠶᠠᠯᠳᠤᠭᠤᠯᠵᠦ᠂ ᠠᠷᠪᠡᠨ ᠡᠳᠦᠷ ᠲᠤ ᠲᠤᠬᠢᠷᠠᠭᠤᠯᠬᠤ᠂ ᠰᠠᠷ᠎ᠡ ᠪᠦᠷᠢ ᠮᠡᠳᠡᠭᠦᠯᠬᠦ᠂ ᠤᠯᠡᠷᠢᠯ ᠢᠶᠠᠷ ᠰᠢᠯᠭᠠᠨ ᠪᠠᠶᠢᠴᠠᠭᠠᠬᠤ᠂ ᠬᠠᠭᠠᠰ ᠵᠢᠯ ᠪᠦᠭᠦᠯᠢ ᠵᠢᠯ ᠢᠶᠠᠷ ᠶᠠᠷᠤᠩᠬᠡᠶᠢᠯᠡᠨ ᠦᠨᠡᠯᠡᠨ ᠲᠤᠭᠳᠠᠭᠠᠬᠤ ᠬᠡᠯᠪᠡᠷᠢ ᠶᠢ ᠠᠪᠴᠦ᠂ ᠬᠠᠮᠢᠶ᠎ᠡ ᠪᠦᠭᠦᠢ ᠰᠠᠯᠠᠭ᠎ᠠ ᠮᠦᠴᠢᠷ ᠪᠤᠯᠤᠨ ᠬᠠᠷᠢᠭᠤᠴᠠᠯᠭᠠᠳᠦ ᠬᠦᠮᠦᠨ ᠢ ᠱᠠᠭᠠᠷᠳᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠲᠤᠭᠳᠠᠭᠰᠠᠨ ᠴᠠᠭ ᠲᠠᠭᠠᠨ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ᠃     — — ᠪᠡᠯᠨ ᠮᠦᠩᠬᠦ ᠤᠷᠤᠭᠤᠯᠬᠤ ᠰᠢᠨ᠎ᠡ ᠬᠡᠯᠪᠡᠷᠢ ᠶᠢ ᠡᠭᠦᠳᠦᠨ᠎ᠡ᠃ ᠵᠠᠰᠠᠭ ᠤᠨ ᠤᠷᠳᠦᠨ ᠤ ᠪᠡᠯᠨ ᠤᠷᠤᠭᠤᠯᠬᠤ ᠲᠡᠪᠴᠡᠩ ᠤᠨ ᠪᠠᠶᠢᠭᠤᠯᠤᠯᠳᠠ ᠶᠢ ᠴᠢᠩᠭ᠎ᠠ ᠠᠳᠬᠤᠵᠦ᠂ ᠪᠡᠯᠨ ᠤᠷᠤᠭᠤᠯᠬᠤ ᠭᠡᠪᠴᠢᠶ᠎ᠡ ᠪᠠᠨ ᠦᠷᠭᠡᠳᠭᠡᠵᠦ᠂ ᠵᠠᠰᠠᠭ ᠤᠨ ᠤᠷᠳᠦᠨ ᠤ ᠪᠡᠯᠨ ᠤᠷᠤᠭᠤᠯᠬᠤ ᠬᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠎ᠡ᠃ ᠵᠠᠰᠠᠭ ᠤᠨ ᠤᠷᠳᠦᠨ ᠪᠤᠯᠤᠨ ᠨᠡᠶᠢᠭᠡᠮ ᠤᠨ ᠬᠦᠷᠦᠩᠭᠡ ᠶᠢᠨ ᠬᠤᠷᠰᠢᠨ ᠠᠵᠢᠯᠯᠠᠬᠤ ᠵᠠᠭᠪᠤᠷ ᠢ ᠲᠡᠭᠦᠯᠳᠡᠷᠵᠢᠭᠦᠯᠵᠦ᠂ PPP᠎ ᠶᠢ ᠬᠡᠷᠡᠭᠵᠢᠭᠦᠯᠬᠦ ᠵᠠᠭᠪᠤᠷ ᠤᠨ ᠰᠠᠭᠤᠷᠢ ᠲᠦᠭᠦᠭᠡᠷᠦᠮᠵᠢ ᠪᠤᠯᠤᠨ ᠨᠡᠶᠢᠳᠡ ᠶᠢᠨ ᠠᠰᠠᠷᠡᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠤᠷᠤᠯᠴᠠᠬᠤ ᠶᠢ ᠰᠦᠪᠡᠭᠴᠢᠯᠡᠨ᠎ᠡ᠃ ︽ᠭᠠᠷᠴᠦ ᠶᠠᠪᠤᠬᠤ ᠮᠦᠷᠳᠡᠭᠡᠨ ᠤᠷᠢᠨ ᠤᠷᠤᠭᠤᠯᠬᠤ︾᠎ ᠶᠢ ᠪᠠᠷᠢᠮᠳᠠᠯᠠᠵᠦ᠂ ᠦᠪᠡᠷᠳᠡᠭᠡᠨ ᠵᠠᠰᠠᠬᠤ ᠤᠷᠤᠨ ᠪᠤᠯᠤᠨ ᠮᠠᠨ ᠤ ᠠᠶᠢᠮᠠᠭ ᠤᠨ ᠡᠷᠬᠢᠯᠡᠭᠰᠡᠨ ᠲᠤᠮᠤ ᠬᠡᠯᠪᠡᠷᠢ ᠶᠢᠨ ᠠᠷᠠᠯᠵᠢᠶᠠᠴᠢᠨ ᠤᠷᠢᠵᠦ ᠪᠡᠯᠨ ᠲᠠᠳᠠᠬᠤ ᠠᠵᠢᠯᠯᠠᠭ᠎ᠠ ᠳᠤ ᠢᠳᠡᠪᠬᠢᠳᠡᠢ ᠤᠷᠤᠯᠴᠠᠵᠦ᠂ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠤᠷᠤᠨ ᠤ ᠠᠵᠤ ᠦᠢᠯᠡᠰ ᠤᠨ ᠰᠢᠯᠵᠢᠯᠳᠡ ᠲᠠᠢ ᠵᠠᠯᠭᠠᠬᠤ ᠪᠠᠷ ᠭᠤᠤᠯ ᠪᠤᠯᠭᠠᠵᠦ᠂ ᠠᠷᠠᠯᠵᠢᠶᠠᠴᠢᠨ ᠤᠷᠢᠵᠦ ᠪᠡᠯᠨ ᠲᠠᠳᠠᠬᠤ ᠠᠵᠢᠯ ᠢ ᠴᠠᠭ ᠲᠤᠭᠳᠠᠭᠠᠨ ᠴᠢᠭᠯᠡᠯ ᠲᠠᠢ ᠦᠷᠨᠢᠭᠦᠯᠵᠦ᠂ ᠦᠷ᠎ᠡ ᠠᠰᠢᠭ ᠪᠡ ᠪᠤᠯᠵᠤᠭ᠎ᠠ ᠪᠠᠨ ᠬᠦᠢᠴᠡᠳᠭᠡᠬᠦ ᠨᠤᠷᠮ᠎ᠡ ᠵᠢᠴᠢ ᠪᠡᠯᠨ ᠮᠦᠩᠭᠦ ᠶᠢᠨ ᠤᠷᠤᠨ ᠪᠠᠶᠢᠷᠢᠨ ᠳᠤ ᠬᠦᠷᠬᠦ ᠨᠤᠷᠮ᠎ᠡ ᠶᠢ ᠲᠡᠭᠡᠭᠰᠢᠯᠡᠭᠦᠯᠵᠦ᠂  ᠵᠢᠯ ᠤᠨ ᠲᠤᠳᠤᠷ᠎ᠡ 15.6 ᠳ᠋ᠦᠩᠰᠢᠭᠤᠷ ᠲᠦᠭᠦᠷᠢᠭ ᠢ ᠤᠷᠤᠨ ᠪᠠᠶᠢᠷᠢᠨ ᠳᠤᠨᠢ ᠬᠦᠷᠭᠡᠨ᠎ᠡ᠃ ᠠᠶᠢᠮᠠᠭ ᠤᠨ ᠲᠤᠮᠳᠠ ᠪᠠᠭ᠎ᠠ ᠵᠢᠵᠢᠭ ᠠᠵᠤ ᠠᠬᠤᠶᠢᠯᠡᠯ ᠤᠨ ᠢᠳᠡᠭᠡᠮᠵᠢ ᠲᠠᠭᠠᠭᠠᠯᠳᠠ ᠬᠢᠬᠦ ᠲᠦᠪ ᠲᠠᠢ ᠬᠤᠷᠰᠢᠬᠤ ᠪᠠᠨ ᠴᠢᠩᠭᠠᠳᠬᠠᠵᠦ᠂ ᠮᠦᠩᠭᠦᠨ ᠬᠦᠢᠯᠭᠡᠭᠡ ᠪᠤᠯᠤᠨ ᠠᠵᠤ ᠠᠬᠤᠶᠢᠯᠡᠯ ᠤᠨ ᠵᠤᠬᠢᠴᠠᠭᠤᠯᠬᠤ ᠬᠤᠷᠠᠯ᠂ ᠲᠦᠷᠦᠯ ᠵᠦᠢᠯ ᠢ ᠲᠠᠨᠢᠯᠴᠠᠭᠤᠯᠬᠤ ᠵᠡᠷᠭᠡ ᠬᠤᠷᠠᠯ ᠢ ᠬᠤᠷᠠᠯᠳᠤᠵᠦ᠂ ᠮᠦᠩᠬᠦᠨ ᠬᠦᠢᠯᠭᠡᠭᠡ ᠪᠤᠯᠤᠨ ᠠᠵᠤ ᠠᠬᠤᠶᠢᠯᠡᠯ ᠤᠨ ᠰᠤᠯᠢᠯᠴᠠᠭᠠᠨ ᠤ ᠲᠡᠪᠴᠡᠩ ᠢ ᠪᠠᠶᠢᠭᠤᠯᠵᠦ᠂ ᠠᠵᠤ ᠠᠬᠤᠶᠢᠯᠡᠯ ᠲᠤ ᠰᠢᠯᠢᠳᠡᠭ ᠰᠡᠶᠢᠨ ᠪᠡᠯᠨ ᠬᠤᠷᠠᠮᠳᠤᠭᠤᠯᠬᠤ ᠦᠢᠯᠡᠴᠢᠯᠡᠭᠡ ᠶᠢ ᠬᠠᠩᠭᠠᠨ᠎ᠡ᠃ ᠲᠤᠮᠳᠠ ᠪᠠᠭ᠎ᠠ ᠠᠵᠤ ᠠᠬᠤᠶᠢᠯᠡᠯ ᠪᠤᠯᠤᠨ ᠮᠦᠩᠭᠦᠨ ᠬᠦᠢᠯᠭᠡᠭᠡᠨ ᠤ ᠪᠠᠶᠢᠭᠤᠯᠤᠮᠵᠢ  ᠬᠠᠮᠵᠢᠯᠴᠡᠨ ᠠᠵᠢᠯᠯᠠᠬᠤ ᠶᠢ ᠰᠡᠶᠢᠳᠦᠷ ᠬᠠᠪᠰᠤᠷᠴᠦ᠂ ᠴᠢᠩᠭᠠᠳᠬᠠᠵᠦ᠂ ᠬᠠᠷᠢᠯᠴᠠᠨ ᠰᠠᠶᠢᠳᠦᠷ ᠵᠠᠯᠭᠠᠭᠤᠯᠵᠦ᠂ ᠲᠤᠮᠳᠠ ᠪᠠᠭ᠎ᠠ ᠵᠢᠵᠢᠭ ᠠᠵᠤ ᠠᠬᠤᠶᠢᠯᠡᠯ ᠎ ᠤᠨ ᠬᠦᠭᠵᠢᠯᠳᠡ ᠶᠢ ᠬᠦᠯᠢᠶᠡᠰᠦᠯᠡᠵᠦ ᠪᠠᠶᠢᠭ᠎ᠠ ᠬᠦᠴᠢᠷᠳᠡᠯ ᠲᠠᠢ ᠠᠰᠠᠭᠤᠳᠡᠯ ᠢ ᠬᠦᠴᠦᠯᠡᠨ ᠰᠶᠢᠳᠪᠤᠷᠢᠯᠡᠵᠦ᠂ ᠲᠡᠳᠡᠨ ᠤ ᠬᠦᠭᠵᠢᠯᠳᠡ ᠶᠢ ᠪᠤᠵᠠᠭᠠᠶᠢᠷᠠᠭᠤᠯᠤᠨ᠎ᠡ᠃ ᠵᠠᠬ᠎ᠠ ᠲᠡᠯᠭᠡᠭᠦᠷ ᠲᠤ ᠤᠷᠤᠬᠤ ᠶᠢ ᠦᠷᠭᠡᠳᠭᠡᠨ᠂ ᠠᠷᠠᠳ ᠤᠨ ᠬᠤᠭᠤᠷᠤᠨᠳᠤᠬᠢ ᠬᠦᠷᠦᠩᠭᠡ ᠶᠢ ᠠᠵᠤ ᠦᠢᠯᠡᠰ ᠤᠨ ᠬᠦᠭᠵᠢᠯᠳᠡ᠂ ᠰᠠᠭᠤᠷᠢ ᠲᠦᠭᠦᠭᠡᠷᠦᠮᠵᠢ᠂ ᠨᠡᠶᠢᠭᠡᠮ ᠤᠨ ᠦᠢᠯᠡᠰ ᠵᠡᠷᠭᠡ ᠬᠦᠷᠢᠶ᠎ᠡ ᠭᠡᠪᠴᠢᠶᠡᠨ ᠳᠤ ᠤᠷᠤᠭᠤᠯᠬᠤ ᠶᠢ  ᠠᠬᠢᠭᠤᠯᠵᠦ᠂ ᠠᠷᠠᠳ ᠤᠨ ᠬᠤᠭᠤᠷᠤᠨᠳᠤᠬᠢ ᠪᠡᠯᠨ ᠤᠷᠤᠭᠤᠯᠤᠯᠳᠠ ᠶᠢᠨ ᠠᠮᠢᠵᠢᠷᠠᠯ ᠤᠨ ᠬᠦᠴᠦᠨ ᠢ ᠤᠯᠡᠮ ᠤᠷᠠᠮᠰᠢᠭᠤᠯᠤᠨ᠎ᠡ᠃     ︵ᠬᠤᠶᠠᠷ︶ ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠲᠡᠰ ᠲᠡᠪᠰᠢᠭᠦᠯᠬᠦ ᠪᠤᠯᠤᠨ ᠬᠦᠭᠵᠢᠯᠳᠡ ᠎ ᠶᠢᠨ ᠶᠠᠰᠦ ᠴᠢᠨᠠᠷ ᠤᠨ ᠲᠡᠰ ᠲᠡᠪᠰᠢᠭᠦᠯᠬᠦ ᠶᠢ ᠲᠠᠰᠤᠷᠠᠯᠳᠡ ᠦᠭᠡᠢ ᠠᠬᠢᠭᠤᠯᠤᠨ᠎ᠡ     — — ᠠᠵᠤ ᠦᠢᠯᠡᠳᠪᠤᠷᠢ ᠶᠢᠨ ᠲᠠᠯ᠎ᠡ ᠪᠠᠷ᠄ ᠰᠢᠯᠢ ᠶᠢᠨ ᠭᠤᠤᠯ ᠠᠶᠢᠮᠠᠭ ᠤᠨ ᠨᠡᠭᠦᠷᠡᠰᠦ ᠴᠡᠬᠢᠯᠭᠠᠨ ᠎ ᠤ ᠰᠠᠭᠤᠷᠢᠨ ᠭᠠᠵᠠᠷ ᠤᠨ ᠭᠡᠳᠦ ᠦᠨᠳᠦᠷ ᠬᠦᠴᠦᠳᠡᠯᠳᠦ ᠴᠡᠬᠢᠯᠭᠠᠨ ᠢ ᠵᠠᠮ ᠱᠤᠭᠤᠮ ᠢᠶᠠᠷ ᠰᠡᠯᠬᠢᠨ ᠭᠡᠷᠡᠯ ᠤᠨ ᠡᠬᠢ ᠪᠠᠶᠠᠯᠢᠭ ᠢ ᠭᠠᠳᠠᠭᠰᠢ ᠬᠦᠷᠭᠡᠬᠦ ᠠᠵᠨ ᠲᠤᠬᠢᠶᠠᠯ ᠢ ᠦᠷᠭᠦᠯᠵᠢᠯᠡᠨ ᠠᠳᠬᠤᠵᠦ᠂ ᠡᠨᠧᠷᠬᠢ᠂ ᠠᠭᠤᠷᠬᠠᠢ ᠶᠢᠨ ᠪᠦᠳᠦᠭᠡᠭᠳᠡᠭᠦᠨ ᠢ ᠰᠤᠩᠭᠤᠨ ᠲᠡᠮᠦᠷᠯᠢᠭ ᠪᠤᠯᠪᠠᠰᠤᠷᠠᠭᠤᠯᠬᠤ᠂ ᠲᠤᠨᠤᠭ ᠲᠦᠭᠦᠭᠡᠷᠦᠮᠵᠢ ᠦᠢᠯᠡᠳᠪᠦᠷᠢᠯᠡᠬᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠡᠯ᠂ ᠮᠠᠯ ᠲᠠᠷᠢᠶᠠᠯᠡᠩ ᠤᠨ ᠪᠦᠳᠦᠭᠡᠭᠳᠡᠭᠦᠨ ᠢ ᠪᠤᠯᠪᠠᠰᠤᠷᠠᠭᠤᠯᠬᠤ ᠵᠡᠷᠭᠡ ᠠᠵᠤ ᠦᠢᠯᠡᠰ ᠤᠨ ᠲᠤᠭᠤᠷᠢᠨ ᠳᠤ᠂ ᠠᠵᠤ ᠦᠢᠯᠡᠰ ᠤᠨ ᠬᠢᠯᠬᠢᠶᠡᠵᠢᠯ ᠢ ᠤᠷᠳᠤᠳᠬᠠᠬᠤ ᠪᠠ ᠲᠡᠰ ᠲᠡᠪᠰᠢᠭᠦᠯᠬᠦ ᠶᠢ ᠲᠦᠯᠬᠢᠨ ᠠᠬᠢᠭᠤᠯᠵᠦ᠂ ᠭᠠᠶᠢᠯᠢ ᠶᠢᠨ ᠤᠷᠤᠯᠭ᠎ᠠ ᠶᠢ ᠪᠡᠶᠡᠯᠡᠭᠦᠯᠵᠦ ᠴᠢᠳᠠᠬᠤ᠂ ᠠᠵᠢᠯ ᠤᠯᠭᠤᠯᠳᠠ ᠶᠢ ᠠᠬᠢᠭᠤᠯᠵᠦ ᠴᠢᠳᠠᠬᠤ᠂ ᠬᠤᠯᠪᠤᠭᠳᠠᠯ ᠪᠦᠭᠦᠢ ᠠᠵᠤ ᠦᠢᠯᠡᠰ ᠤᠨ ᠬᠦᠭᠵᠢᠯᠳᠡ ᠶᠢᠨ ᠤᠳᠤ ᠦᠶ᠎ᠡ ᠶᠢᠨ ᠠᠵᠤ ᠦᠢᠯᠡᠳᠪᠤᠷᠢ ᠎ ᠶᠢᠨ ᠰᠢᠰᠲ᠋ᠧᠮ ᠢ ᠪᠠᠶᠢᠭᠤᠯᠤᠨ ᠠᠬᠢᠭᠤᠯᠵᠦ᠂ ᠰᠢᠨ᠎ᠡ ᠦᠷᠢᠰᠦᠳᠦᠯᠭᠡᠨ ᠤ ᠲᠠᠪᠠᠭᠤᠯᠢᠭ ᠪᠤᠯᠤᠨ ᠠᠵᠤ ᠠᠬᠤᠢ ᠶᠢᠨ ᠨᠡᠮᠡᠭᠳᠡᠯ ᠤᠨ ᠴᠡᠭ ᠢ ᠪᠦᠷᠢᠯᠳᠦᠭᠦᠯᠦᠨ᠎ᠡ᠃ ᠪᠤᠯᠠᠭᠠᠨᠲᠤᠬᠠᠢ ᠨᠡᠭᠦᠷᠡᠰᠦᠨ ᠠᠭᠤᠷᠬᠠᠢ᠂ ᠴᠢᠶᠠᠨ ᠶᠢᠨ ᠳ᠋ᠠ ᠠᠭᠤᠷᠬᠠᠢ ᠎ ᠶᠢᠨ ᠦᠢᠯᠡᠰ ᠤᠨ ᠭᠠᠷ ᠬᠦᠢᠴᠡᠳᠭᠡᠯ ᠤᠨ ᠠᠵᠢᠯ ᠢ ᠪᠦᠷᠢᠨ ᠲᠡᠭᠦᠯᠳᠡᠷᠵᠢᠭᠦᠯᠵᠦ᠂ ᠵᠢᠯ ᠤᠨ ᠲᠤᠳᠤᠷ᠎ᠡ ᠠᠵᠢᠯ ᠡᠬᠢᠯᠡᠬᠦ ᠨᠦᠬᠦᠴᠡᠯ ᠢ ᠪᠦᠷᠢᠯᠳᠦᠭᠦᠯᠦᠨ᠎ᠡ᠃ ᠶᠢᠨ ᠹᠸᠡᠭ ᠰᠢᠨᠵᠢᠯᠡᠭᠡ ᠮᠡᠷᠭᠡᠵᠢᠯ ᠤᠨ ᠰᠡᠯᠬᠢᠨ ᠬᠦᠴᠦᠨ ᠤ ᠮᠠᠰᠢᠨ ᠵᠡᠷᠭᠡ ᠲᠤᠨᠤᠭ ᠲᠦᠭᠦᠭᠡᠷᠦᠮᠵᠢ ᠦᠢᠯᠡᠳᠪᠤᠷᠢᠯᠡᠬᠦ ᠲᠦᠷᠦᠯ ᠵᠦᠢᠯ ᠢ ᠡᠬᠢᠯᠡᠭᠦᠯᠦᠨ᠎ᠡ᠃ ᠰᠢᠨᠵᠢᠶᠡᠩ ᠤᠨ ᠲᠧ ᠪᠢᠶᠠᠨ ᠳ᠋ᠢᠶᠠᠨ ᠬᠦᠡᠭ ᠲᠤᠨᠤᠭ ᠲᠦᠭᠦᠭᠡᠷᠦᠮᠵᠢ ᠦᠢᠯᠡᠳᠪᠤᠷᠢᠯᠡᠬᠦ᠂ ᠵᠢᠶᠠᠨ ᠠᠨ ᠴᠸᠡᠭ ᠰᠡᠯᠬᠢᠨ ᠬᠦᠴᠦᠨ ᠤ ᠲᠦᠭᠦᠭᠡᠷᠦᠮᠵᠢ ᠦᠢᠯᠡᠳᠪᠤᠷᠢᠯᠡᠬᠦ᠂ ᠵᠢᠩ ᠨᠸᠡᠭ ᠭᠡᠷᠡᠯ ᠤᠨ ᠡᠨᠧᠷᠬᠢ ᠶᠢᠨ ᠴᠠᠬᠢᠯᠭᠠᠨ ᠵᠡᠷᠭᠡ ᠲᠦᠷᠦᠯ ᠵᠦᠢᠯ ᠢ ᠪᠦᠳᠦᠭᠡᠨ ᠪᠠᠶᠢᠭᠤᠯᠵᠦ᠂ ᠠᠰᠢᠭᠯᠠᠯᠳᠠ ᠳᠤ ᠤᠷᠤᠭᠤᠯᠬᠤ ᠶᠢ ᠲᠦᠷᠭᠡᠳᠭᠡᠨ᠎ᠡ᠃ ᠲᠤᠮᠳᠠ ᠪᠠᠭ᠎ᠠ ᠵᠢᠵᠢᠭ ᠠᠵᠤ ᠠᠬᠤᠶᠢᠯᠡᠯ ᠤᠨ ᠬᠦᠭᠵᠢᠯᠳᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠬᠤ ᠬᠡᠷᠡᠭᠳᠡᠢ᠃ ᠵᠢᠯ ᠤᠨ ᠲᠤᠳᠤᠷ᠎ᠡ ᠪᠦᠬᠦᠶᠢᠯᠨ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ 13.8 ᠳ᠋ᠦᠩᠰᠢᠭᠤᠷ ᠲᠦᠭᠦᠷᠢᠭ ᠪᠡᠶᠡᠯᠡᠭᠦᠯᠵᠦ᠂ 11.1%᠎ ᠪᠠᠷ ᠨᠡᠮᠡᠭᠳᠡᠭᠦᠯᠬᠦ ᠶᠢ ᠪᠠᠳᠤᠯᠠᠵᠦ᠂ ᠡᠭᠦᠨ ᠎ ᠳᠤ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠡᠯ ᠤᠨ ᠨᠡᠮᠡᠭᠳᠡᠯ ᠦᠷᠳᠡᠭ ᠢ 9.2 ᠳ᠋ᠦᠩᠰᠢᠭᠤᠷ ᠲᠦᠭᠦᠷᠢᠭ ᠪᠡᠶᠡᠯᠡᠭᠦᠯᠵᠦ᠂ 12.2%  ᠎ ᠪᠠᠷ ᠨᠡᠮᠡᠭᠳᠡᠭᠦᠯᠦᠨ᠎ᠡ᠃     — — ᠮᠠᠯ ᠠᠵᠤ ᠠᠬᠤᠢ ᠲᠠᠷᠢᠶᠠᠯᠠᠩ ᠤᠨ ᠲᠠᠯ᠎ᠡ ᠪᠠᠷ᠄  ︽ᠬᠤᠶᠠᠷ ᠰᠢᠯᠢᠳᠡᠭ ᠲᠦᠷᠪᠡ ᠶᠢ ᠤᠳᠤᠬᠢᠴᠢᠯᠠᠬᠤ︾᠎ ᠪᠠᠷ ᠬᠠᠷᠠᠯᠳᠡ ᠪᠤᠯᠭᠠᠵᠦ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠡᠯᠡᠩ ᠢ ᠶᠡᠭᠡᠪᠡᠷ ᠬᠦᠭᠵᠢᠭᠦᠯᠦᠨ᠎ᠡ᠃ ᠡᠭᠦᠯᠳᠡᠷ ᠤᠨ ᠮᠠᠯ ᠰᠦᠷᠦᠭ ᠤᠨ ᠪᠦᠳᠦᠴᠨ ᠶᠢ ᠰᠢᠯᠢᠳᠡᠭᠵᠢᠭᠦᠯᠵᠦ᠂ ︽ᠬᠤᠨᠢ ᠶᠢ ᠴᠦᠭᠡᠳᠭᠡᠵᠦ᠂ ᠦᠭᠡᠷ ᠢ ᠨᠡᠮᠡᠭᠳᠡᠭᠦᠯᠬᠦ︾ ᠬᠦᠭᠵᠢᠯᠳᠡ ᠶᠢᠨ ᠵᠡᠷᠴᠢᠮ ᠢᠶᠠᠷ᠂ ᠲᠦᠷᠦ ᠶᠢᠨ ᠪᠤᠳᠤᠯᠭ᠎ᠠ ᠶᠢᠨ ᠲᠡᠳᠭᠦᠯᠳᠡ ᠪᠤᠯᠤᠨ ᠬᠦᠳᠦᠯᠦᠨ ᠵᠢᠯᠤᠭᠤᠳᠬᠤ ᠡᠷᠴᠢᠮ ᠢ ᠶᠡᠭᠡᠰᠭᠡᠵᠦ᠂ ᠴᠠᠬᠠᠷ ᠬᠤᠨᠢᠨ ᠤ ᠰᠡᠶᠢᠨ ᠦᠷ᠎ᠡ ᠶᠢᠨ ᠮᠠᠯ ᠢ ᠦᠷᠡᠵᠢᠭᠦᠯᠦᠨ ᠪᠦᠢᠵᠢᠭᠤᠯᠵᠦ᠂ ᠱᠢᠮᠢᠨᠳᠡᠷ ᠮᠢᠬᠠᠨ ᠤ ᠦᠭᠡᠷ ᠢ ᠮᠠᠯᠵᠢᠬᠤ ᠭᠡᠪᠴᠢᠶ᠎ᠡ ᠶᠢ ᠦᠷᠭᠡᠳᠭᠡᠨ᠎ᠡ᠃ ᠲᠠᠷᠢᠮᠡᠯ ᠤᠨ ᠦᠢᠯᠡᠰ ᠤᠨ ᠪᠦᠳᠦᠴᠨ ᠶᠢ ᠰᠢᠯᠢᠳᠡᠭᠵᠢᠭᠦᠯᠵᠦ᠂ ᠤᠨᠴᠠᠯᠢᠭᠳᠦ ᠲᠠᠷᠢᠮᠠᠯ ᠤᠨ ᠦᠢᠯᠡᠰ ᠢ ᠢᠳᠡᠪᠬᠢᠳᠡᠢ ᠬᠦᠭᠵᠢᠭᠦᠯᠦᠨ᠎ᠡ᠃ ᠨᠢᠭᠡᠨᠳᠡ ᠪᠠᠶᠢᠭᠤᠯᠤᠭᠰᠡᠨ 10 ᠲᠦᠮᠡᠨ ᠮᠤ᠋ ᠲᠦᠮᠦᠰᠦ᠂ ᠭᠤᠸ᠋ᠨ᠂ ᠢᠳᠡᠰᠢᠨ ᠨᠤᠭᠤᠭ᠎ᠠ ᠵᠡᠷᠭᠡ ᠤᠨᠴᠠᠯᠢᠭ ᠲᠠᠢ ᠲᠠᠷᠢᠮᠡᠯ ᠤᠨ ᠰᠠᠭᠤᠷᠢᠨ ᠢ ᠪᠠᠬᠢᠵᠢᠭᠦᠯᠵᠦ᠂ ᠲᠠᠷᠢᠮᠡᠯ ᠤᠨ ᠦᠷ᠎ᠡ ᠠᠰᠢᠭ ᠢ ᠨᠡᠮᠡᠭᠳᠡᠭᠦᠯᠦᠨ᠎ᠡ᠃ ᠠᠷᠪᠢᠳᠡᠢ ᠤᠰᠤᠯᠡᠯᠳᠡ᠂ ᠰᠡᠶᠢᠨ ᠲᠠᠷᠢᠶᠠᠨ ᠦᠷ᠎ᠡ᠂ ᠪᠤᠷᠳᠤᠭᠤᠷ ᠨᠠᠶᠢᠷᠠᠵᠦ ᠤᠷᠤᠭᠤᠯᠬᠤ ᠵᠡᠷᠭᠡ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠶᠠᠭᠡᠪᠡᠷ ᠲᠦᠭᠡᠮᠡᠯᠵᠢᠭᠦᠯᠵᠦ᠂ ᠬᠠᠶᠠᠭᠳᠠᠮᠠᠯ ᠰᠤᠯᠠ ᠢᠳᠡᠰᠢᠨ ᠨᠤᠭᠤᠭᠠᠨ ᠤ ᠫᠸᠡᠭ ᠢ ᠲᠡᠬᠢᠨ ᠬᠡᠷᠡᠭᠯᠡᠵᠦ᠂ ᠮᠤ᠋ ᠨᠢᠭᠡᠴᠢ ᠶᠢᠨ ᠤᠨᠠᠯᠳᠠ ᠪᠤᠯᠤᠨ ᠪᠦᠳᠦᠭᠡᠭᠳᠡᠭᠦᠨ ᠤ ᠶᠠᠰᠦ ᠴᠢᠨᠠᠷ ᠢ ᠦᠷᠭᠦᠯᠵᠢᠯᠡᠨ ᠲᠡᠭᠡᠭᠰᠢᠯᠡᠭᠦᠯᠦᠨ᠎ᠡ᠃ ᠬᠠᠰᠢᠶᠠᠯᠠᠬᠤ ᠪᠠ ᠬᠠᠭᠠᠰ ᠬᠠᠰᠢᠶᠠᠯᠡᠨ ᠮᠠᠯᠵᠢᠬᠤ ᠪᠤᠯᠤᠨ ᠭᠡᠪᠴᠢᠶᠡᠵᠢᠭᠰᠡᠨ ᠪᠤᠷᠳᠦᠨ ᠲᠠᠷᠭᠤᠯᠠᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ ᠪᠠᠷᠢᠮᠵᠢᠶᠠᠳᠦ ᠭᠡᠷ ᠪᠦᠯᠢ ᠶᠢᠨ ᠮᠠᠯᠵᠢᠯ ᠤᠨ ᠲᠠᠯᠠᠪᠡᠢ ᠪᠤᠯᠤᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠡᠵᠢᠯ ᠪᠠᠶᠢᠭᠤᠯᠬᠤ ᠵᠡᠷᠭᠡ ᠶᠢ ᠲᠤᠬᠢᠷᠠᠮᠵᠢᠳᠡᠢ ᠭᠡᠪᠴᠢᠶ᠎ᠡ ᠪᠠᠷ ᠡᠵᠡᠩᠨᠡᠬᠦ ᠭᠤᠤᠯ ᠴᠤᠭᠴᠨ ᠶᠢᠨ ᠪᠠᠶᠢᠭᠤᠯᠤᠯᠳᠠ ᠶᠢ ᠶᠡᠭᠡ ᠪᠠᠷ ᠲᠡᠮᠵᠢᠵᠦ᠂ ᠦᠭᠡᠷ ᠬᠤᠨᠢᠨ ᠤ ᠪᠠᠷᠢᠮᠵᠢᠶᠠᠳᠦ ᠪᠤᠷᠳᠦᠨ ᠲᠠᠷᠭᠤᠯᠠᠭᠤᠯᠬᠤ ᠰᠠᠭᠤᠷᠢᠨ ᠭᠠᠵᠠᠷ 5᠎ ᠶᠢ ᠪᠠᠶᠢᠭᠤᠯᠤᠨ᠎ᠡ᠃ ︽ᠬᠤᠶᠠᠷ ᠫᠸᠡᠭ ᠨᠢᠭᠡ ᠡᠪᠡᠰᠤᠨ ᠤ ᠦᠢᠯᠡᠰ︾᠎ ᠢᠶᠠᠷ ᠭᠤᠤᠯᠳᠠᠯᠭ᠎ᠠ ᠪᠤᠯᠭᠠᠭᠰᠠᠨ ᠮᠠᠯ ᠠᠵᠤ ᠠᠬᠤᠢ ᠲᠠᠷᠢᠶᠡᠯᠡᠩ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ ᠲᠤᠪᠦᠶᠢᠮ᠎ᠡ ᠠᠳᠬᠤᠵᠦ᠂ ᠰᠢᠨ᠎ᠡ ᠪᠠᠷ 5.63 ᠲᠦᠮᠡᠨ ᠲᠩᠰᠢ ᠲᠦᠷᠪᠡᠯᠵᠢᠨ ᠮᠧᠲᠷ ᠮᠠᠯ ᠤᠨ ᠫᠸᠡᠭ᠂ 5880 ᠲᠩᠰᠢ ᠲᠦᠷᠪᠡᠯᠵᠢᠨ ᠮᠧᠲᠷ ᠡᠪᠡᠰᠦ ᠬᠠᠳᠠᠭᠠᠯᠠᠬᠤ ᠫᠸᠡᠭ ᠪᠠᠶᠢᠭᠤᠯᠤᠨ᠎ᠡ᠃ ᠠᠷᠪᠢᠲᠠᠢ ᠤᠰᠤᠯᠠᠯᠲᠠ ᠶᠢᠨ ᠡᠪᠡᠰᠤ ᠪᠤᠷᠳᠤᠭᠠᠨ ᠤ ᠰᠠᠭᠤᠷᠢᠨ 1.4 ᠲᠦᠮᠡᠨ ᠮᠤ᠋ ᠦᠭᠡᠷᠡᠴᠢᠯᠡᠨ ᠪᠠᠶᠢᠭᠤᠯᠤᠨ᠎ᠡ᠃ ᠪᠠᠷᠢᠮᠵᠢᠶᠠᠳᠦ ᠡᠭᠦᠯᠳᠡᠷ ᠤᠨ ᠮᠠᠯ ᠤᠨ ᠰᠦᠷᠦᠭ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠴᠠᠬᠠᠷ ᠬᠤᠨᠢᠨ ᠤ 7 ᠭᠤᠤᠯ ᠰᠦᠷᠦᠭ᠂ ᠱᠢᠮᠢᠨᠳᠡᠷ ᠦᠭᠡᠷ ᠤᠨ 3 ᠭᠤᠤᠯ ᠰᠦᠷᠦᠭ ᠢ ᠪᠠᠶᠢᠭᠤᠯᠤᠨ᠂ 5.1 ᠲᠦᠮᠡᠨ ᠦᠭᠡᠷ ᠪᠠ 17 ᠲᠦᠮᠡᠨ ᠬᠤᠨᠢ ᠶᠢ ᠡᠭᠦᠯᠳᠡᠷ ᠰᠡᠶᠢᠵᠢᠷᠠᠭᠤᠯᠤᠨ ᠮᠠᠯᠵᠢᠯ ᠤᠨ ᠤᠨ ᠤ ᠴᠠᠬᠠᠷ ᠬᠤᠨᠢ ᠶᠢ 20 ᠲᠦᠮᠡᠨ ᠲᠤᠯᠤᠭᠠᠢ ᠳᠤ ᠬᠦᠷᠭᠡᠨ᠎ᠡ᠃ ᠮᠠᠯ ᠠᠵᠤ ᠠᠬᠤᠢ ᠲᠠᠷᠢᠶᠡᠯᠡᠩ ᠤᠨ ᠲᠠᠭᠠᠭᠤᠯᠤᠭᠴᠢ ᠠᠵᠤ ᠠᠬᠤᠶᠢᠯᠡᠯ ᠎ ᠢ ᠢᠳᠡᠪᠬᠢᠳᠡᠢ ᠲᠡᠳᠭᠦᠵᠦ᠂ ᠲᠠᠭᠠᠭᠤᠯᠤᠭᠴᠢ ᠠᠵᠤ ᠠᠬᠤᠶᠢᠯᠡᠯ ᠪᠤᠯᠤᠨ ᠬᠤᠷᠰᠢᠶᠡᠵᠢᠯ᠂ ᠮᠠᠯᠴᠢᠨ ᠡᠷᠤᠭᠡ ᠶᠢᠨ ᠠᠰᠢᠭ ᠲᠤᠰᠨ ᠶᠢ ᠬᠠᠷᠢᠯᠴᠡᠨ ᠬᠤᠯᠪᠤᠬᠤ ᠲᠤᠭᠳᠠᠴᠨ ᠶᠢ ᠪᠠᠶᠢᠭᠤᠯᠤᠨ ᠪᠦᠷᠢᠨᠰᠢᠭᠦᠯᠵᠦ᠂ ᠮᠠᠯᠴᠢᠳ ᠲᠤ ᠠᠵᠤ ᠦᠢᠯᠡᠰᠵᠢᠯᠳᠡ ᠶᠢᠨ ᠡᠵᠡᠩᠨᠡᠯᠳᠡ ᠶᠢᠨ ᠲᠤᠮᠳᠠ ᠠᠴᠠ ᠨᠡᠩ ᠤᠯᠡᠨ ᠪᠤᠳᠡᠳᠦ ᠠᠰᠢᠭ ᠬᠦᠷᠳᠡᠭᠡᠨ᠎ᠡ᠃ ᠡᠯ᠎ᠡ ᠲᠦᠷᠦᠯ ᠎ ᠤᠨ ᠬᠤᠷᠰᠢᠶᠡᠵᠢᠯ ᠤᠨ ᠲᠦᠷᠢᠮᠵᠢᠭᠰᠡᠨ ᠪᠠᠶᠢᠭᠤᠯᠤᠯᠳᠠ ᠶᠢ ᠴᠢᠩᠭᠠᠳᠬᠠᠵᠦ᠂ ᠲᠠᠩᠰᠨ ᠡᠪᠭᠡᠮᠡᠯ ᠺᠠᠷᠲ ᠪᠠᠶᠢᠭᠤᠯᠵᠦ᠂ ᠶᠠᠳᠠᠭᠤ ᠡᠷᠣᠭᠡ ᠶᠢ ᠲᠡᠳᠭᠦᠵᠦ ᠤᠷᠤᠯᠭ᠎ᠠ ᠶᠢ ᠨᠢ ᠨᠡᠮᠡᠭᠳᠡᠭᠦᠯᠦᠭᠰᠡᠨ ᠬᠤᠷᠰᠢᠶᠡᠵᠢᠯ ᠲᠤ ᠲᠦᠷᠦᠯ ᠵᠦᠢᠯ ᠢ ᠤᠯᠭᠤᠬᠤ ᠪᠠ ᠲᠦᠷᠦᠯ ᠵᠦᠢᠯ ᠢᠶᠠᠷ ᠲᠡᠳᠬᠦᠭᠦ ᠲᠠᠯ᠎ᠠ ᠪᠠᠷ ᠢᠯᠡᠭᠦᠤ ᠬᠠᠷᠠᠭᠠᠯᠵᠡᠯ ᠦᠵᠡᠭᠦᠯᠬᠦ ᠶᠢᠨ ᠵᠡᠷᠭᠡᠪᠡᠷ ᠵᠤᠬᠢᠬᠤ ᠬᠡᠮᠵᠢᠶᠡᠨ ᠤ ᠱᠠᠩᠨᠡᠯ ᠤᠯᠭᠤᠨ᠂ ᠲᠡᠳᠡᠨ ᠢ ᠵᠤᠷᠢᠭᠵᠢᠭᠤᠯᠤᠨ ᠵᠢᠯᠤᠭᠤᠳᠴᠦ᠂ ᠲᠠᠭᠠᠭᠤᠯᠤᠨ ᠲᠠᠶᠢᠴᠢᠯᠠᠬᠤ ᠦᠢᠯᠡᠳᠦᠯ ᠢ ᠨᠢ ᠦᠨᠡᠨᠬᠦ ᠪᠠᠳᠠᠷᠠᠭᠤᠯᠵᠦ᠂ ᠮᠠᠯᠴᠢᠨ ᠲᠠᠷᠢᠶᠠᠴᠢᠨ ᠢ ᠲᠠᠭᠠᠭᠤᠯᠵᠦ ᠶᠠᠳᠠᠭᠤ ᠠᠴᠠ ᠠᠩᠬᠢᠵᠢᠷᠠᠭᠤᠯᠵᠦ ᠪᠡᠶᠡᠵᠢᠨ ᠴᠢᠨᠡᠭᠡᠯᠢᠭᠵᠢᠭᠦᠯᠦᠨ᠎ᠡ᠃ ᠲᠠᠸᠠᠷ ᠤᠨ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ︽ᠢᠨᠲ᠋ᠧᠷ ᠰᠦᠯᠵᠢᠶ᠎ᠡ +  ᠪᠤᠬᠢᠷᠳᠦᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ︾᠎ ᠤ ᠵᠠᠭᠪᠤᠷ ᠢ ᠵᠤᠷᠢᠭᠵᠢᠭᠤᠯᠤᠨ ᠲᠠᠮᠵᠢᠵᠦ᠂ ᠵᠢᠯ ᠤᠨ ᠲᠤᠳᠤᠷ᠎ᠡ 1— 2 ᠭᠠᠵᠠᠷ ᠤᠷᠤᠨ ᠤ ᠪᠡᠯᠭᠡ ᠲᠡᠮᠳᠡᠭ ᠢ ᠬᠠᠷᠠᠭᠤᠯᠤᠭᠰᠠᠨ ᠦᠢᠯᠡᠳᠭᠦᠨ ᠢ ᠨᠤᠳᠠᠯᠠᠨ ᠬᠡᠷᠡᠴᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠬᠤᠨᠢᠨ ᠮᠢᠬᠠᠨ ᠤ ᠪᠦᠬᠦ ᠠᠵᠤ ᠦᠢᠯᠡᠰ ᠤᠨ ᠬᠢᠯᠬᠢᠶᠠᠵᠢᠯᠡᠯ ᠢ ᠮᠦᠷᠳᠡᠬᠦ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠦ 6 ᠲᠦᠮᠡᠨ ᠬᠤᠨᠢ ᠎ ᠶᠢ ᠮᠦᠷᠳᠡᠬᠦ ᠲᠤᠭ᠎ᠠ ᠪᠠᠷᠢᠮᠳᠡ ᠶᠢᠨ ᠲᠠᠩᠰᠨ ᠡᠪᠭᠡᠮᠡᠯ ᠢ ᠪᠠᠶᠢᠭᠤᠯᠤᠨ᠎ᠡ᠃ ᠭᠤᠷᠪᠠᠨ ᠵᠢᠯ ᠤᠨ ᠬᠤᠭᠤᠴᠠᠭ᠎ᠠ ᠬᠡᠷᠡᠭᠰᠡᠨ ᠴᠠᠬᠠᠷ ᠬᠤᠨᠢᠨ ᠮᠢᠬᠠᠨ ᠤ ᠪᠦᠬᠦ ᠠᠵᠤ ᠦᠢᠯᠡᠰ ᠤᠨ ᠬᠢᠯᠬᠢᠶᠡᠵᠢᠯ ᠢ ᠮᠦᠷᠳᠡᠬᠦ ᠰᠢᠰᠲ᠋ᠧᠮ ᠢ ᠪᠦᠷᠬᠦᠭᠦᠯᠬᠦ ᠎ ᠶᠢ ᠪᠡᠶᠡᠯᠡᠭᠦᠯᠵᠦ᠂ ᠮᠠᠨ ᠤ ᠬᠤᠰᠢᠭᠤᠨ ᠤ ᠰᠢᠯᠢᠳᠡᠭ ᠮᠠᠯ ᠲᠠᠷᠢᠶᠠᠯᠠᠩ ᠤᠨ ᠪᠦᠳᠦᠭᠡᠭᠳᠡᠭᠦᠨ ᠢ ᠰᠠᠶᠢᠳᠦᠷ ᠤᠬᠠᠭᠤᠯᠵᠦ ᠠᠯᠳᠠᠷᠰᠢᠭᠤᠯᠤᠨ᠎ᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠠᠷᠢᠶᠡᠯᠡᠩ ᠤᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠡᠶᠢᠳᠦᠷ ᠬᠢᠬᠦ ᠬᠡᠷᠡᠭᠳᠡᠢ᠃     — — ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠄ ᠰᠤᠶᠤᠯ ᠵᠤᠭᠠᠴᠠᠯ ᠤᠨ ᠦᠢᠯᠡᠰ ᠢ ᠲᠤᠪᠦᠶᠢᠮ᠎ᠡ ᠬᠦᠭᠵᠢᠭᠦᠯᠦᠨ᠎ᠡ᠃ ︽ᠵᠤᠭᠠᠴᠠᠯ +︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ︽ᠰᠤᠶᠤᠯ ᠵᠤᠭᠠᠴᠠᠯ ᠤᠨ ᠬᠦᠭᠵᠢᠯᠳᠡ ᠶᠢᠨ ᠰᠢᠪᠳᠤᠯᠤᠯᠳᠡ ᠶᠢᠨ ᠤᠨ︾᠎ ᠤ ᠰᠢᠷᠢᠰ ᠠᠵᠢᠯᠯᠠᠭ᠎ᠠ ᠶᠢ ᠦᠷᠨᠢᠭᠦᠯᠵᠦ᠂ ᠰᠤᠶᠤᠯ ᠵᠤᠭᠠᠴᠠᠯ ᠤᠨ ᠲᠦᠷᠢ ᠲᠦᠷᠬᠦ ᠶᠢᠨ ᠤᠷᠤᠨ ᠪᠠᠶᠢᠷᠢ ᠶᠢ ᠲᠤᠭᠳᠠᠭᠠᠬᠤ ᠶᠢ ᠲᠦᠯᠦᠪᠯᠡᠵᠦ᠂ ᠮᠠᠨ ᠤ ᠬᠤᠰᠢᠭᠤᠨ ᠤ ᠰᠤᠶᠤᠯ ᠤᠨ ᠲᠤᠳᠤᠭᠠᠳᠦ ᠠᠭᠤᠯᠤᠭᠳᠠᠬᠤᠨ ᠢ ᠬᠦᠨᠵᠡᠭᠡᠢ ᠠᠭᠤᠳᠠᠯᠯᠠᠵᠦ᠂ ︽ᠬᠤᠯᠡᠨ ᠰᠢᠷᠭ᠎ᠠ ᠡᠯᠡᠰᠤᠷᠭᠡᠭ ᠤᠷᠤᠨ ᠤ ᠲᠠᠯ᠎ᠠ ᠨᠤᠳᠤᠭ ᠤᠨ ᠠᠶᠠᠯᠡᠨ ᠵᠤᠭᠠᠴᠡᠯ ᠤᠨ ᠲᠦᠯᠦᠪᠵᠢᠭᠦᠯᠭᠡ︾᠎ ᠶᠢ ᠨᠠᠶᠢᠷᠠᠭᠤᠯᠤᠨ ᠵᠤᠬᠢᠶᠡᠵᠦ᠂ ︽ᠨᠢᠭᠡ ᠬᠦᠨᠳᠡᠯᠡᠨ ᠬᠤᠶᠠᠷ ᠭᠤᠯᠳᠦ︾ ᠵᠤᠭᠠᠴᠠᠯ ᠤᠨ ᠱᠤᠭᠤᠮ ᠢ ᠪᠠᠶᠢᠭᠤᠯᠵᠦ᠂ ᠮᠤᠵᠢ ᠶᠢᠨ ᠲᠡᠰ ᠤᠨ 105 ᠱᠤᠭᠤᠮ ᠠᠴᠠ ᠶᠡᠭᠡᠨᠡᠭᠤᠷ ᠰᠤᠮᠤ ᠬᠦᠷᠬᠦ ᠵᠤᠭᠠᠴᠡᠯ ᠤᠨ ᠵᠠᠰᠠᠮᠠᠯ ᠵᠠᠮ ᠢ ᠪᠦᠳᠦᠭᠡᠨ ᠪᠡᠶᠢᠭᠤᠯᠬᠤ ᠢᠨᠵᠧᠨᠧᠷᠢᠩ ᠢ ᠡᠬᠢᠯᠡᠭᠦᠯᠵᠦ᠂ ᠲᠠᠯ᠎ᠠ ᠨᠤᠳᠤᠭ ᠤᠨ ᠦᠪᠡᠷ ᠢᠶᠠᠨ ᠲᠡᠷᠭᠡ ᠵᠢᠯᠤᠭᠤᠳᠦᠨ ᠵᠤᠭᠠᠴᠠᠬᠤ ᠦᠷᠳᠡᠭᠡ᠂ ᠵᠤᠭᠠᠴᠠᠯ ᠤᠨ ᠵᠤᠷᠯᠦᠩ ᠵᠡᠷᠭᠡ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠭᠦᠯᠦᠨ᠎ᠡ᠃ ᠶᠢᠨ ᠱᠨ ᠬᠤ᠋ ᠨᠠᠭᠤᠷ᠂ ᠬᠤᠨ ᠭᠠᠯᠠᠭᠤ ᠨᠤᠭᠤ ᠭᠠᠵᠠᠷ ᠤᠨ ᠵᠤᠭᠠᠴᠡᠯ ᠤᠨ ᠦᠵᠡᠮᠵᠢ ᠶᠢᠨ ᠤᠷᠤᠨ ᠢ ᠲᠡᠳᠭᠦᠬᠦ ᠬᠦᠴᠦᠯᠡᠴᠨ ᠪᠠᠨ ᠶᠡᠭᠡᠰᠭᠡᠵᠦ᠂ ᠬᠤᠶᠠᠷ ᠵᠢᠯ ᠤᠨ ᠲᠤᠳᠤᠷ᠎ᠡ AAA ᠲᠡᠰ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠬᠤ ᠪᠠᠷ ᠴᠢᠷᠮᠡᠶᠢᠨ᠎ᠡ᠃ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠤᠷᠤᠨ ᠤ ᠵᠤᠭᠠᠴᠡᠯ ᠤᠨ ᠲᠤᠮᠤ ᠵᠠᠬ᠎ᠠ ᠲᠡᠯᠭᠡᠭᠦᠷ ᠎ ᠲᠠᠢ ᠰᠠᠨᠠᠭᠠᠴᠢᠯᠠᠭ᠎ᠠ ᠠᠴᠠ ᠪᠠᠨ ᠵᠠᠯᠭᠠᠭᠤᠯᠵᠦ᠂ ᠬᠢᠯᠢ ᠰᠤᠨᠳᠡᠯᠠᠭᠰᠠᠨ ᠵᠤᠭᠠᠴᠡᠯ ᠤᠨ ᠬᠠᠮᠳᠤᠷᠠᠯᠴᠠᠭ᠎ᠠ ᠶᠢ ᠴᠢᠩᠭᠠᠳᠬᠠᠵᠦ᠂ ᠪᠦᠬᠦᠯᠢ ᠴᠤᠭᠴᠨ ᠶᠢᠨ ᠲᠦᠰᠦᠪᠯᠡᠯ ᠪᠤᠯᠤᠨ ᠤᠬᠠᠭᠤᠯᠭ᠎ᠠ ᠶᠢ ᠰᠡᠶᠢᠳᠦᠷ ᠬᠢᠵᠦ᠂ ᠰᠤᠳᠦᠨ ᠵᠤᠭᠠᠴᠡᠯ ᠤᠨ ᠱᠤᠭᠤᠮ ᠢ ᠬᠠᠮᠳᠦ ᠪᠠᠷ ᠨᠡᠭᠡᠭᠡᠨ ᠬᠦᠭᠵᠢᠭᠦᠯᠵᠦ᠂ ᠵᠢᠯ ᠤᠨ ᠲᠤᠳᠤᠷ᠎ᠡ ᠲᠠᠶᠢᠴᠢᠯᠡᠨ ᠲᠠᠭᠠᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ 1 — 2 ᠵᠤᠭᠠᠴᠡᠯ ᠤᠨ ᠠᠵᠤ ᠠᠬᠤᠶᠢᠯᠡᠯ ᠤᠨ ᠪᠡᠯᠨ ᠤᠷᠤᠭᠤᠯᠤᠯᠳᠠ ᠶᠢ ᠲᠠᠳᠡᠨ ᠤᠷᠤᠭᠤᠯᠵᠦ᠂ ᠮᠠᠨ ᠤ ᠬᠤᠰᠢᠭᠤᠨ ᠤ ᠵᠤᠭᠠᠴᠡᠯ ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠎ᠡ᠃ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ᠎ᠡ᠃ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠲᠤᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠦᠪᠤᠷ ᠮᠤᠩᠭᠤᠯ ᠤᠨ ᠪᠠᠩᠬᠢ ᠵᠡᠷᠭᠡ ᠬᠤᠳᠠᠯᠳᠤᠭᠠᠨ ᠎ ᠤ ᠪᠠᠩᠬᠢ ᠨᠢ ᠮᠠᠨ ᠤ ᠬᠤᠰᠢᠭᠤᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠢᠳᠡᠪᠬᠢᠳᠡᠢ ᠲᠡᠮᠵᠢᠵᠦ᠂ ᠠᠷᠠᠳ ᠎ ᠤᠨ ᠬᠤᠭᠤᠷᠤᠨᠳᠤᠬᠢ ᠵᠢᠭᠡᠯᠡᠯᠭᠡ ᠶᠢᠨ ᠦᠢᠯᠡᠴᠢᠯᠡᠭᠡᠨ ᠤ ᠲᠦᠪ ᠢ ᠪᠠᠶᠢᠭᠤᠯᠬᠤ ᠶᠢ ᠰᠦᠪᠡᠭᠴᠢᠯᠡᠵᠦ᠂ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠲᠤᠤᠷ ᠴᠡᠭ ᠢ ᠮᠠᠯᠵᠢᠬᠤ ᠲᠠᠷᠢᠶᠠᠯᠠᠬᠤ ᠤᠷᠤᠨ ᠵᠦᠭ ᠦᠷᠭᠦᠯᠵᠢᠯᠡᠭᠦᠯᠬᠦ ᠶᠢ ᠠᠬᠢᠭᠤᠯᠵᠦ᠂ ᠮᠦᠩᠭᠦᠨ ᠬᠦᠢᠯᠭᠡᠭᠡᠨ ᠤ ᠪᠦᠳᠦᠭᠡᠭᠳᠡᠭᠦᠨ ᠤ ᠰᠢᠨ᠎ᠡ ᠶᠢ ᠡᠭᠦᠳᠬᠦ ᠶᠢ ᠵᠤᠷᠢᠭᠵᠢᠭᠤᠯᠵᠦ᠂ ᠦᠢᠯᠡᠴᠢᠯᠡᠭᠡᠨ ᠤ ᠴᠢᠳᠠᠪᠤᠷᠢ ᠶᠢ ᠤᠯᠡᠮ ᠨᠢᠭᠡ ᠠᠯᠬᠤᠮ ᠲᠡᠭᠡᠭᠰᠢᠯᠡᠭᠦᠯᠦᠨ᠎ᠡ᠃ ᠰᠡᠯᠬᠢᠨ ᠬᠦᠴᠦᠨ ᠤ ᠮᠠᠰᠢᠨ ᠤ ᠡᠷᠬᠢᠯᠳᠡ ᠶᠢ ᠬᠠᠮᠠᠭᠠᠯᠠᠬᠤ᠂ ᠪᠡᠯᠨ ᠬᠤᠷᠠᠮᠳᠤᠭᠤᠯᠬᠤ ᠲᠦᠷᠢᠶᠡᠰᠦᠯᠡᠬᠦ᠂ ᠡᠯᠧᠺᠲᠷᠦᠨ ᠬᠤᠳᠠᠯᠳᠤᠭᠠᠨ ᠤ ᠶᠠᠪᠤᠳᠡᠯ ᠵᠡᠷᠭᠡ ᠦᠢᠯᠡᠳᠪᠤᠷᠢᠯᠡᠯ ᠤᠨ ᠴᠢᠨᠠᠷᠳᠡᠢ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠡᠯᠧᠺᠲᠷᠦᠨ ᠬᠤᠳᠠᠯᠳᠤᠭᠠᠨ ᠎ ᠤ ᠶᠠᠪᠤᠳᠡᠯ ᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ ᠶᠢ ᠠᠬᠢᠭᠤᠯᠤᠨ᠎ᠡ᠃ ᠨᠠᠰᠦᠳᠡᠨ ᠢ ᠠᠰᠠᠷᠠᠬᠤ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠤᠷᠤᠨ ᠲᠤᠭᠤᠷᠢᠭ ᠤᠨ ᠴᠢᠨᠠᠷᠳᠡᠢ ᠶᠡᠷᠤᠩᠬᠡᠶᠢᠯᠡᠭᠰᠡᠨ ᠨᠠᠰᠦᠳᠡᠨ ᠢ ᠠᠰᠠᠷᠠᠬᠤ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠵᠦ᠂ ᠬᠤᠰᠢᠭᠤ ᠰᠠᠭᠤᠭ᠎ᠠ ᠭᠠᠵᠠᠷ ᠲᠤ ᠤᠷᠤᠨ ᠲᠤᠭᠤᠷᠢᠭᠵᠢᠯ ᠤᠨ ᠴᠢᠨᠠᠷᠳᠡᠢ ᠮᠠᠯᠵᠢᠬᠤ ᠤᠷᠤᠨ ᠤ ᠨᠠᠰᠦᠳᠡᠨ ᠢ ᠠᠰᠠᠷᠠᠬᠤ ᠨᠡᠶᠢᠳᠡ ᠶᠢᠨ ᠤᠷᠤᠨ ᠰᠠᠭᠤᠴᠨ ᠶᠢ ᠪᠠᠶᠢᠭᠤᠯᠵᠦ᠂  ᠲᠠᠷᠢᠶᠠᠯᠠᠬᠤ ᠤᠷᠤᠨ ᠤ ᠨᠠᠰᠦᠳᠡᠶᠢᠴᠦᠳ ᠤᠨ ᠬᠠᠷᠢᠯᠴᠠᠨ ᠬᠠᠪᠰᠤᠷᠤᠯᠴᠠᠬᠤ ᠵᠤᠯ ᠵᠢᠷᠭᠠᠯᠳᠦ ᠬᠦᠷᠢᠶᠡᠯᠡᠩ ᠢ ᠦᠷᠭᠦᠯᠵᠢᠯᠡᠨ ᠪᠠᠶᠢᠭᠤᠯᠵᠦ᠂ ᠨᠠᠰᠦᠳᠡᠨ ᠢ ᠠᠰᠠᠷᠠᠬᠤ ᠦᠢᠯᠡᠴᠢᠯᠡᠭᠡᠨ ᠤ ᠦᠢᠯᠡᠰ ᠎ ᠤᠨ ᠠᠵᠤ ᠦᠢᠯᠡᠰᠵᠢᠯᠳᠡ ᠶᠢ  ᠲᠦᠷᠭᠡᠳᠭᠡᠨ᠎ᠡ᠃ ᠤᠯᠠᠮᠵᠢᠯᠠᠯᠳᠦ ᠦᠢᠯᠡᠴᠢᠯᠡᠭᠡᠨ ᠤ ᠦᠢᠯᠡᠰ ᠢ ᠲᠤᠭᠳᠠᠭᠤᠨ ᠢᠶᠠᠷ ᠬᠦᠭᠵᠢᠭᠦᠯᠦᠨ᠎ᠡ᠃ ᠮᠢᠩᠭᠠᠳᠦ ᠪᠠᠯᠭᠠᠰᠦᠨ ᠤ ᠬᠤᠶᠠᠳᠤᠭᠠᠷ ᠲᠡᠰ ᠤᠨ ᠠᠶᠠᠨᠴᠢᠨ ᠤ ᠦᠷᠳᠡᠭᠡᠨ ᠤ ᠲᠦᠷᠦᠯ ᠵᠦᠢᠯ ᠎ ᠤᠨ ᠪᠦᠳᠦᠭᠡᠨ ᠪᠠᠶᠢᠭᠤᠯᠤᠯᠳᠠ ᠶᠢᠨ ᠪᠡᠯᠡᠳᠭᠡᠯ ᠠᠵᠢᠯ ᠢ ᠡᠬᠢᠯᠡᠭᠦᠯᠵᠦ᠂ ᠵᠢᠯ ᠤᠨ ᠲᠤᠳᠤᠷ᠎ᠡ ᠪᠠᠷᠢᠯᠭ᠎ᠠ ᠡᠬᠢᠯᠡᠭᠦᠯᠬᠦ ᠎ ᠪᠠᠷ ᠴᠢᠷᠮᠠᠶᠢᠨ᠎ᠡ᠃ ᠮᠠᠯᠵᠢᠬᠤ ᠲᠠᠷᠢᠶᠠᠯᠠᠬᠤ ᠤᠷᠤᠨ ᠤ ᠠᠶᠠᠨᠴᠢᠳ ᠤᠨ ᠲᠡᠭᠡᠭᠡᠪᠤᠷᠢ ᠶᠢᠨ ᠲᠤᠤᠷᠵᠢᠬᠤ ᠠᠬᠢᠴᠨ ᠶᠢ ᠲᠦᠷᠭᠡᠳᠭᠡᠵᠦ᠂ ︽ᠰᠠᠭᠠᠳ ᠦᠭᠡᠢ ᠨᠡᠪᠳᠡᠷᠡᠬᠦ ᠵᠠᠮ︾᠎ ᠤᠨ ᠲᠤᠤᠷ ᠰᠦᠯᠵᠢᠶ᠎ᠡ ᠶᠢ ᠦᠷᠭᠦᠯᠵᠢᠯᠡᠨ ᠦᠷᠭᠡᠳᠭᠡᠨ᠎ᠡ᠃ 12 ︽ᠠᠷᠠᠳ ᠲᠤ ᠲᠦᠭᠦᠮ ᠴᠢᠯᠦᠭᠡᠲᠦ ᠲᠡᠯᠭᠡᠭᠦᠷ︾᠎ ᠢ ᠰᠢᠨ᠎ᠡ ᠪᠠᠷ ᠪᠠᠶᠢᠭᠤᠯᠤᠨ᠎ᠡ᠃ ︽ᠰᠢᠨ ᠸᠠᠩ ᠰᠦᠯᠵᠢᠶᠡᠨ ᠤ ᠢᠨᠵᠧᠨᠧᠷᠢᠩ︾᠎ ᠤᠨ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠵᠦ᠂ ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠤᠳᠤ ᠦᠶ᠎ᠡ ᠶᠢᠨ ᠬᠦᠢᠯᠭᠡᠭᠡᠨ ᠤ ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠡᠳᠦᠷ ᠲᠤᠳᠦᠮ ᠤᠨ ᠬᠡᠷᠡᠭᠯᠡᠭᠡᠨ ᠤ ᠵᠦᠢᠯ ᠢ ᠲᠤᠬᠢᠷᠠᠭᠤᠯᠤᠨ ᠬᠦᠷᠭᠡᠬᠦ ᠲᠦᠪ᠂ ᠲᠠᠬᠢᠨ ᠠᠰᠢᠭᠯᠠᠬᠤ ᠡᠬᠢ ᠪᠡᠶᠡᠯᠢᠭ᠋ ᠤᠨ ᠠᠷᠠᠯᠵᠢᠶᠠᠨ ᠤ ᠵᠠᠬ᠎ᠠ ᠲᠡᠯᠭᠡᠭᠦᠷ᠂ ᠮᠠᠯ ᠲᠠᠷᠢᠶᠡᠯᠡᠩ ᠤᠨ ᠦᠢᠯᠡᠳᠭᠡᠭᠦᠨ ᠢ ᠪᠦᠭᠡᠮ ᠢᠶᠠᠷ ᠪᠤᠷᠤᠯᠠᠭᠤᠯᠬᠤ ᠠᠷᠠᠯᠵᠢᠶᠠᠨ ᠤ ᠵᠠᠬ᠎ᠠ ᠲᠡᠯᠭᠡᠭᠦᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠦᠨ᠎ᠡ᠃     ︵ᠭᠤᠷᠪᠠ︶ ᠰᠢᠨ᠎ᠡ ᠬᠡᠯᠪᠡᠷᠢ ᠶᠢᠨ ᠬᠤᠲᠠ ᠪᠠᠯᠭᠠᠰᠦᠵᠢᠯᠲᠠ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠂ ᠬᠤᠲᠠ ᠬᠦᠳᠡᠭᠡ ᠶᠢᠨ ᠵᠤᠬᠢᠴᠠᠩᠭᠤᠢ ᠬᠦᠭᠵᠢᠯᠲᠡ ᠶᠢ ᠨᠢᠭᠡᠳᠦᠯᠲᠠᠢ ᠲᠦᠯᠦᠪᠵᠢᠭᠦᠯᠦᠨ᠎ᠡ     — — ᠬᠤᠲᠠ ᠪᠠᠯᠭᠠᠰᠦᠵᠢᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠠᠮᠢ ᠠᠬᠤᠢ ᠤᠨ ᠤᠨᠴᠠᠯᠢᠭ ᠪᠦᠬᠦᠢ ᠰᠠᠭᠤᠬᠤ ᠳᠤ ᠳᠤᠬᠢᠯᠢᠭ ᠲᠠᠭᠠᠯᠠᠮᠵᠢᠲᠠᠢ ᠲᠠᠯ᠎ᠠ ᠨᠤᠲᠤᠭ ᠤᠨ ᠵᠢᠵᠢᠭ ᠪᠠᠯᠭᠠᠰᠦ ᠶᠢ ᠪᠠᠶᠢᠭᠤᠯᠬᠤ ᠪᠠᠷ ᠬᠠᠷᠠᠯᠲᠠ ᠪᠤᠯᠭᠠᠨ᠂ ᠪᠦᠬᠦ ᠠᠶᠢᠮᠠᠭ ᠤᠨ《 ᠠᠷᠪᠠ ᠶᠢ ᠲᠤᠰᠬᠠᠢ ᠵᠠᠰᠠᠬᠤ ᠢᠨᠵᠧᠨᠧᠷᠢᠩ》᠎ ᠤᠨ ᠲᠤᠭᠤᠷᠢᠨ ᠳᠤ 4.2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠴᠢᠷᠮᠠᠶᠢᠨ ᠪᠡᠶᠡᠯᠡᠭᠦᠯᠬᠦ ᠪᠠᠷ ᠬᠤᠲᠠ ᠪᠠᠯᠭᠠᠰᠤ ᠶᠢ ᠲᠦᠯᠦᠪᠵᠢᠭᠦᠯᠤᠨ ᠪᠠᠶᠢᠭᠤᠯᠬᠤ ᠠᠷᠪᠠᠨ ᠲᠦᠷᠦᠯ ᠤᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠦᠨ᠎ᠡ᠃ ᠨᠢᠭᠡ ᠳᠤ᠂ ᠮᠢᠩᠭᠠᠲᠦ ᠪᠠᠯᠭᠠᠰᠤᠨ ᠤ ᠶᠡᠷᠦᠩᠬᠡᠢ ᠴᠤᠭᠴᠠ ᠶᠢᠨ ᠲᠦᠯᠦᠪᠵᠢᠭᠦᠯᠭᠡ ᠶᠢ ᠵᠠᠰᠠᠨ ᠨᠠᠶᠢᠷᠠᠭᠤᠯᠵᠤ᠂ ᠮᠢᠩᠭᠠᠲᠦ ᠪᠠᠯᠭᠠᠰᠤᠨ ᠤ ᠭᠤᠤᠯ ᠬᠤᠲᠠ ᠲᠤᠭᠤᠷᠢᠭ ᠤᠨ ᠡᠵᠡᠮᠰᠢᠯ ᠤᠨ ᠴᠢᠨᠠᠷᠲᠠᠢ ᠨᠠᠷᠢᠨ ᠲᠦᠯᠦᠪᠵᠢᠭᠦᠯᠭᠡ ᠵᠢᠴᠢ ᠮᠢᠩᠭᠠᠲᠤ ᠪᠠᠯᠭᠠᠰᠤᠨ ᠤ ᠬᠤᠲᠠ ᠶᠢᠨ ᠳᠦᠷᠢ ᠳᠦᠷᠬᠦ ᠶᠢᠨ ᠤᠨᠴᠢᠯᠢᠭᠲᠤ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠪᠡᠶᠡᠯᠡᠭᠦᠯᠦᠨ᠎ᠡ︔ ᠬᠤᠶᠠᠷ ᠲᠤ᠂ ᠮᠢᠩᠭᠠᠲᠦ ᠪᠠᠯᠭᠠᠰᠤᠨ ᠤ 1350 ᠪᠤᠷᠤ ᠭᠡᠷ ᠲᠤᠭᠤᠷᠢᠭ ᠢ ᠵᠠᠰᠠᠨ ᠦᠭᠡᠷᠡᠴᠢᠯᠡᠨ᠎ᠡ︔ ᠭᠤᠷᠪᠠ ᠳᠤ᠂ 13 ᠬᠠᠭᠤᠴᠢᠨ ᠪᠠᠭ᠎ᠠ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠵᠤ᠂ ᠬᠠᠭᠤᠴᠢᠨ ᠪᠠᠭ᠎ᠠ ᠲᠤᠭᠤᠷᠢᠭ ᠤᠨ ᠬᠠᠲᠠᠭᠤᠷᠤᠯᠲᠠ ᠂ ᠨᠤᠭᠤᠭᠠᠷᠠᠭᠤᠯᠲᠠ᠂ ᠭᠡᠷᠡᠯᠲᠦᠭᠦᠯᠭᠡ ᠪᠤᠯᠤᠨ ᠤᠰᠤ ᠬᠠᠩᠭᠠᠬᠤ ᠭᠠᠳᠠᠭᠰᠢᠯᠠᠭᠤᠯᠬᠤ ᠲᠤᠤᠷ ᠬᠤᠭᠤᠯᠠᠢ ᠤᠨ ᠵᠠᠰᠠᠨ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ︔ ᠲᠦᠷᠪᠡ ᠳᠤ᠂ ᠴᠢᠳᠠᠪᠤᠷᠢᠲᠠᠨ ᠬᠦᠮᠦᠵᠢᠭᠦᠯᠬᠦ ᠵᠠᠮ ᠤᠨ ᠬᠦᠭᠦᠷᠭᠡ ᠶᠢᠨ ᠪᠠᠶᠢᠭᠤᠯᠤᠯᠲᠠ ᠶᠢᠨ ᠢᠨᠵᠧᠨᠧᠷᠢᠩ ᠢ  ᠬᠡᠷᠡᠭᠵᠢᠭᠦᠯᠵᠤ᠂ ᠬᠤᠲᠠ ᠶᠢᠨ ᠪᠠᠶᠢᠭᠤᠯᠤᠯᠲᠠ ᠶᠢᠨ ᠵᠠᠰᠠᠮᠠᠯ ᠵᠠᠮ ᠤᠨ ᠵᠠᠰᠠᠨ ᠬᠠᠮᠢᠶᠠᠷᠠᠬᠤ ᠪᠠ ᠶᠠᠪᠠᠭᠠᠨ ᠵᠠᠮ ᠤᠨ ᠲᠤᠭᠤᠰᠬ᠎ᠠ ᠳᠡᠪᠢᠰᠬᠦ ᠠᠵᠢᠯ ᠢ ᠰᠠᠶᠢᠳᠤᠷ ᠬᠢᠨ᠎ᠡ︔ ᠲᠠᠪᠤ ᠳᠤ ᠂ ᠮᠢᠩᠭᠠᠲᠦ ᠪᠠᠯᠭᠠᠰᠤᠨ ᠤ ᠭᠤᠤᠯᠳᠠᠯᠭ᠎ᠠ ᠲᠠᠢ ᠤᠷᠴᠢᠨ ᠲᠤᠭᠤᠷᠢᠨ ᠳᠤ ᠨᠤᠭᠤᠭᠠᠷᠠᠭᠤᠯᠲᠠ ᠶᠢᠨ ᠢᠨᠵᠧᠨᠧᠷᠢᠩ ᠢ ᠬᠡᠷᠡᠭᠵᠢᠭᠦᠯᠵᠤ᠂ ᠰᠢᠨ᠎ᠡ ᠪᠠᠷ 11 ᠲᠦᠮᠡᠨ ᠲᠡᠭᠰᠢ ᠲᠦᠷᠪᠡᠯᠵᠢᠨ ᠮᠧᠲᠷ ᠨᠤᠭᠤᠭᠠᠷᠠᠭᠤᠯᠤᠭᠰᠠᠨ ᠲᠠᠯᠠᠪᠠᠢ ᠶᠢ ᠨᠡᠮᠡᠭᠳᠡᠭᠦᠯᠦᠨ᠎ᠠ︔ ᠵᠢᠷᠭᠤᠭ᠎ᠠ ᠳᠤ᠂ ᠪᠤᠵᠠᠷ ᠤᠰᠤᠨ ᠤ ᠬᠤᠭᠤᠯᠠᠢ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠤ᠂ ᠪᠤᠷᠤᠭᠠᠨ ᠤ ᠤᠰᠤ᠂ ᠪᠤᠵᠠᠷ ᠤᠰᠤᠨ ᠤ ᠬᠤᠭᠤᠯᠠᠢ 42 ᠺᠢᠯᠤᠮᠧᠲᠷ ᠳᠡᠪᠢᠰᠵᠤ᠂ ᠦᠭᠡᠷᠡᠴᠢᠯᠡᠵᠤ ᠨᠡᠪᠳᠡᠷᠡᠭᠦᠯᠦᠨ᠎ᠠ᠃ ᠰᠢᠨ᠎ᠠ ᠪᠠᠷ ᠪᠤᠵᠠᠷ ᠤᠰᠤ ᠲᠤᠩᠭᠠᠬᠤ ᠬᠤᠳᠳᠤᠭ 70᠎ ᠶᠢ ᠮᠠᠯᠲᠠᠵᠤ᠂ 3 ᠭᠠᠯ ᠰᠡᠷᠭᠡᠶᠢᠯᠡᠬᠦ ᠳᠡᠭᠡᠯᠠᠢ ᠭᠤᠭᠤᠵᠢᠭᠤᠷ᠂ 30 ᠭᠠᠯ ᠰᠡᠷᠭᠡᠶᠢᠯᠡᠬᠦ ᠲᠦᠬᠦᠭᠡᠷᠦᠮᠵᠢ ᠪᠠᠶᠢᠭᠤᠯᠤᠨ᠎ᠠ︔ ᠳᠤᠯᠤᠭ᠎ᠠ ᠳᠤ ᠂ ᠳᠤᠮᠳᠠ ᠤᠰᠤᠨ ᠤ ᠦᠢᠯᠡᠳᠪᠦᠷᠢ ᠶᠢᠨ ᠪᠠᠶᠢᠭᠤᠯᠤᠯᠲᠠ ᠪᠠ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠢᠵᠢ ᠳᠦᠬᠦᠭᠡᠷᠦᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠨ᠎ᠡ︔ ᠨᠠᠢᠮᠠ ᠳᠤ᠂ 2.8 ᠲᠦᠮᠡᠨ ᠲᠡᠭᠰᠢ ᠲᠦᠷᠪᠡᠯᠵᠢᠨ ᠮᠧᠲᠷ ᠰᠠᠭᠤᠵᠤ ᠪᠠᠶᠢᠭ᠎ᠠ ᠤᠷᠤᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ᠂ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ︔ ᠶᠢᠰᠦ ᠳᠤ᠂ ᠪᠤᠷᠤ ᠭᠡᠷ ᠲᠤᠭᠤᠷᠢᠭ ᠢ ᠵᠠᠰᠠᠨ ᠦᠭᠡᠷᠡᠴᠢᠯᠡᠬᠦ ᠪᠠ ᠪᠠᠯᠭᠠᠰᠤᠨ ᠤ ᠨᠤᠭᠤᠭᠠᠷᠠᠭᠤᠯᠲᠠ ᠶᠢᠨ ᠢᠨᠵᠧᠨᠧᠷᠢᠩ ᠲᠠᠢ ᠤᠶᠠᠯᠳᠤᠭᠤᠯᠤᠨ᠂ ᠮᠢᠩᠭᠠᠲᠦ ᠪᠠᠯᠭᠠᠰᠤᠨ ᠤ ᠭᠤᠤᠯ ᠭᠠᠷᠤᠴᠠ ᠵᠢᠴᠢ ᠤᠶᠢᠷ᠎ᠠ ᠬᠠᠪᠢ ᠶᠢᠨ ᠤᠷᠴᠢᠨ ᠲᠤᠭᠤᠷᠢᠨ ᠢ ᠵᠠᠰᠠᠨ ᠦᠭᠡᠷᠡᠴᠢᠯᠡᠨ᠎ᠠ︔ ᠠᠷᠪᠠ ᠳᠤ᠂ ᠠᠵᠤ ᠠᠬᠤᠶᠢᠯᠠᠯ ᠤᠨ ᠪᠡᠯᠡ ᠮᠦᠩᠭᠦ ᠶᠢ ᠬᠤᠲᠠ ᠪᠠᠯᠭᠠᠰᠤᠨ ᠤ ᠪᠠᠶᠢᠭᠤᠯᠤᠯᠲᠠ ᠳᠤ ᠤᠷᠤᠯᠴᠠᠭᠤᠯᠬᠤ ᠶᠢ ᠢᠳᠡᠪᠬᠢᠲᠠᠢ ᠳᠠᠲᠠᠵᠤ᠂ ᠲᠦᠪᠯᠡᠷᠡᠭᠦᠯᠦᠨ ᠳᠤᠯᠠᠭᠠᠯᠠᠭ᠎ᠠ ᠬᠠᠩᠭᠠᠬᠤ ᠢᠨᠵᠧᠨᠧᠷᠢᠩ ᠢ ᠵᠠᠰᠠᠨ ᠦᠷᠭᠡᠳᠬᠡᠬᠦ ᠪᠠ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠬᠤᠲᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠤ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠭᠲᠠᠴᠠ ᠶᠢ ᠲᠡᠭᠦᠯᠳᠡᠷᠵᠢᠭᠦᠯᠵᠤ᠂ ᠬᠤᠲᠠ ᠪᠠᠯᠭᠠᠰᠤᠨ ᠤ ᠶᠡᠷᠥᠩᠬᠡᠢ ᠬᠠᠮᠢᠶᠠᠷᠤᠯᠲᠠ ᠶᠢᠨ ᠴᠢᠳᠠᠪᠦᠷᠢ ᠪᠠᠨ ᠳᠡᠭᠡᠭᠰᠢᠯᠡᠭᠦᠯᠦᠨ᠎ᠡ᠃ ᠪᠠᠭ᠎ᠠ ᠲᠤᠭᠤᠷᠢᠭ ᠤᠨ ᠠᠲᠠᠯ ᠠᠬᠤᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠲᠠᠯ ᠠᠬᠤᠢ ᠶᠢᠨ ᠬᠠᠮᠢᠶᠠᠷᠤᠯᠲᠠ ᠶᠢᠨ ᠵᠠᠬ᠎ᠠ ᠳᠡᠯᠭᠡᠭᠦᠷᠴᠢᠯᠡᠬᠦ ᠲᠦᠷᠢᠮᠵᠢᠯ ᠲᠠᠢ ᠠᠵᠢᠯᠯᠠᠬᠤ ᠶᠢ ᠵᠢᠯᠤᠭᠤᠳᠤᠨ᠎ᠠ᠃ ᠬᠤᠲᠠ ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠢ ᠶᠡᠷᠥᠩᠬᠡᠶᠢᠯᠡᠨ ᠵᠠᠰᠠᠬᠤ ᠬᠦᠴᠤᠯᠡᠴᠡ ᠪᠠᠨ ᠨᠡᠮᠡᠭᠳᠡᠭᠦᠯᠵᠤ᠂ ᠤᠷᠴᠢᠨ ᠲᠤᠭᠤᠷᠢᠨ ᠤ ᠠᠷᠢᠭᠤᠨ ᠴᠡᠪᠡᠷ ᠢ ᠲᠦᠪᠯᠡᠷᠡᠭᠦᠯᠦᠨ ᠴᠡᠭᠴᠡᠯᠡᠬᠦ ᠬᠦᠳᠡᠯᠭᠡᠭᠡᠨ ᠢ ᠢᠳᠡᠪᠬᠢᠲᠠᠢ ᠦᠷᠨᠢᠭᠦᠯᠦᠨ᠎ᠠ᠃     — — ᠬᠤᠲᠠ ᠬᠦᠳᠡᠭᠡ ᠶᠢᠨ ᠰᠠᠭᠤᠷᠢ ᠳᠦᠬᠦᠭᠡᠷᠦᠮᠵᠢ ᠶᠢᠨ ᠨᠦᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠵᠠᠮ ᠬᠠᠷᠢᠯᠴᠠᠭᠠᠨ ᠤ ᠲᠠᠯ᠎ᠠ ᠪᠠᠷ᠄ ᠵᠢᠢ ᠲᠥᠩ ᠲᠡᠮᠦᠷ ᠵᠠᠮ ᠢ ᠦᠷᠭᠡᠳᠬᠡᠨ ᠪᠠᠶᠢᠭᠤᠯᠬᠤ ᠢᠨᠵᠧᠨᠧᠷᠢᠩ ᠤᠨ ᠬᠤᠶᠢᠨᠠᠬᠢ ᠠᠵᠢᠯ ᠢ ᠪᠦᠬᠦ ᠲᠠᠯ᠎ᠠ ᠪᠠᠷ ᠪᠡᠶᠠᠯᠡᠭᠦᠯᠦᠨ᠎ᠡ᠃ ᠤᠯᠤᠰ ᠤᠨ ᠵᠠᠮ ᠤᠨ 510 ᠱᠤᠭᠤᠮ ᠎ ᠤᠨ ᠮᠢᠩᠭᠠᠲᠦ ᠠᠴᠠ ᠬᠠᠪᠢᠷᠭ᠎ᠠ ᠬᠦᠷᠬᠦ ᠭᠡᠰᠡᠭ︔ ᠮᠤᠵᠢ ᠶᠢᠨ ᠵᠠᠮ ᠤᠨ 222 ᠱᠤᠭᠤᠮ ᠤᠨ ᠮᠢᠩᠭᠠᠲᠦ ᠠᠴᠠ ᠤᠯᠠᠭᠠᠨᠴᠠᠪ ᠬᠦᠷᠬᠦ ᠭᠡᠰᠡᠭ︔ ᠮᠤᠵᠢ ᠶᠢᠨ ᠵᠠᠮ ᠤᠨ 313 ᠱᠤᠭᠤᠮ ᠤᠨ ᠮᠢᠩᠭᠠᠲᠦ ᠠᠴᠠ ᠰᠢᠨᠡᠪᠤᠯᠠᠭ ᠬᠦᠷᠬᠦ ᠭᠡᠰᠡᠭ ᠤᠨ ᠦᠭᠡᠷᠡᠴᠢᠯᠡᠨ ᠪᠠᠶᠢᠭᠤᠯᠬᠤ ᠢᠨᠵᠧᠨᠧᠷᠢᠩ ᠪᠠ ᠰᠢᠶᠠᠨ ᠤ ᠵᠠᠮ ᠤᠨ 518 ᠱᠤᠭᠤᠮ ᠤᠨ ᠮᠢᠩᠭᠠᠲᠦ ᠎ ᠠᠴᠠ ᠰᠢᠩ ᠶᠣᠣ ᠬᠦᠷᠬᠦ ᠭᠡᠰᠡᠭ ᠤᠨ ᠶᠡᠭᠡ ᠳᠤᠮᠳᠠ ᠬᠡᠮᠵᠢᠶᠡᠨ ᠤ ᠵᠠᠰᠠᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠦᠨ᠎ᠡ᠃ ᠲᠤᠰᠬᠤᠨ ᠳᠤ ᠨᠡᠪᠲᠡᠷᠡᠬᠦ ᠵᠠᠮ ᠢ 72.1 ᠺᠢᠯᠤᠮᠧᠲᠷ ᠵᠠᠰᠠᠨ᠎ᠠ᠃ ᠤᠰᠤᠨ ᠠᠰᠢᠭᠯᠠᠯᠲᠠ ᠶᠢᠨ ᠲᠠᠯ᠎ᠠ ᠪᠠᠷ᠄ ᠮᠢᠩᠭᠠᠲᠦ ᠪᠠᠯᠭᠠᠰᠤᠨ ᠳᠤ ᠤᠰᠤ ᠲᠠᠲᠠᠬᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠤ᠂ ᠵᠢᠯ ᠤᠨ ᠲᠤᠲᠤᠷ᠎ᠠ ᠠᠰᠢᠭᠯᠠᠯᠲᠠ ᠳᠤ ᠤᠷᠤᠬᠤ ᠶᠢ ᠪᠠᠲᠤᠯᠠᠨ᠂ ᠤᠰᠤ ᠬᠠᠩᠭᠠᠬᠤ ᠴᠢᠳᠠᠪᠦᠷᠢ ᠶᠢ ᠳᠡᠭᠡᠭᠰᠢᠯᠡᠭᠦᠯᠦᠨ᠎ᠠ᠃ ᠮᠢᠩᠭᠠᠲᠦ ᠪᠠᠯᠭᠠᠰᠤ᠂ ᠴᠠᠭᠠᠨ ᠪᠤᠮᠪᠤ ᠶᠢᠨ ᠤᠰᠤᠨ ᠤ ᠡᠬᠢ ᠰᠤᠷᠪᠤᠯᠵᠢ ᠶᠢᠨ ᠭᠠᠵᠠᠷ ᠪᠠ ᠮᠢᠩᠭᠠᠲᠦ ᠠᠵᠤ ᠦᠢᠯᠡᠳᠪᠦᠷᠢ ᠶᠢᠨ ᠲᠤᠭᠤᠷᠢᠭ ᠤᠨ ᠭᠠᠵᠠᠷ ᠳᠤᠤᠷᠠᠬᠢ ᠤᠰᠤᠨ ᠳᠤ ᠰᠢᠨᠵᠢᠨ ᠪᠠᠶᠢᠴᠠᠭᠠᠬᠤ ᠠᠵᠢᠯ ᠢ ᠦᠷᠨᠢᠭᠦᠯᠵᠤ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠴᠠᠬᠢᠯᠭᠠᠨ ᠬᠦᠴᠦᠨ ᠤ ᠲᠠᠯ᠎ᠠ ᠪᠠᠷ᠄ ᠬᠠᠨ ᠬᠠᠢ ᠬᠤᠤᠰ ᠪᠤᠴᠠᠭᠠᠨ ᠬᠦᠷᠭᠡᠬᠦ ᠱᠤᠭᠤᠮ ᠪᠠ ᠮᠢᠩᠭᠠᠲᠦ ᠠᠴᠠ ᠲᠤᠱᠢ ᠬᠦᠷᠬᠦ 110  ᠺᠢᠯᠤᠸᠠᠲ ᠬᠤᠤᠰ ᠪᠤᠴᠠᠭᠠᠨ ᠬᠦᠷᠭᠡᠬᠦ ᠴᠠᠬᠢᠯᠭᠠᠨ ᠱᠤᠭᠤᠮ ᠤᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠤ᠂ ᠪᠠᠷᠠᠭᠤᠨ ᠲᠡᠭᠦᠷᠭᠡ ᠶᠢᠨ 110 ᠺᠢᠯᠤᠸᠠᠲ ᠤᠨ ᠬᠦᠴᠦᠳᠡᠯ ᠬᠤᠪᠢᠰᠬᠠᠭᠴᠢ ᠶᠢᠨ ᠪᠠᠭᠲᠠᠭᠠᠮᠵᠢ ᠶᠢ ᠨᠡᠮᠡᠭᠳᠡᠭᠦᠯᠦᠨ ᠦᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ︔ ᠮᠠᠯᠵᠢᠬᠤ ᠤᠷᠤᠨ ᠤᠨᠴᠠᠭᠠᠶᠢᠯᠠᠨ ᠬᠤᠶᠢᠳᠦ ᠭᠡᠰᠡᠭ ᠤᠨ ᠡᠯᠡᠰᠤᠷᠬᠡᠭ ᠤᠷᠤᠨ ᠤ ᠰᠠᠯᠬᠢᠨ ᠭᠡᠷᠡᠯ ᠬᠠᠷᠢᠯᠴᠠᠨ ᠨᠦᠬᠦᠪᠦᠷᠢᠯᠡᠬᠦ ᠴᠠᠬᠢᠯᠭᠠᠨ ᠬᠠᠩᠭᠠᠬᠤ ᠳᠦᠬᠦᠭᠡᠷᠦᠮᠵᠢ ᠶᠢ ᠦᠭᠡᠷᠡᠴᠢᠯᠡᠬᠦ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ 10 ᠺᠢᠯᠤᠸᠠᠲ ᠶᠢᠨ ᠴᠠᠬᠢᠯᠭᠠᠨ ᠤᠲᠠᠰᠤ ᠶᠢ 80 ᠺᠢᠯᠥᠮᠧᠲᠷ᠂ 0.4 ᠺᠢᠯᠥᠸᠠᠲ ᠶᠢᠨ ᠴᠠᠬᠢᠯᠭᠠᠨ ᠤᠲᠠᠰᠤ ᠶᠢ 28 ᠺᠢᠯᠤᠮᠧᠲᠷ ᠲᠠᠲᠠᠨ᠎ᠠ᠃     ︵ᠳᠦᠷᠪᠡ︶ ᠠᠮᠢ ᠠᠬᠤᠢ ᠤᠨ ᠪᠤᠯᠪᠠᠰᠤᠨ ᠤ ᠪᠠᠶᠢᠭᠤᠯᠤᠯᠲᠠ ᠢ ᠲᠦᠷᠭᠡᠳᠬᠡᠨ ᠠᠬᠢᠭᠤᠯᠵᠤ᠂ ᠦᠷᠭᠦᠯᠵᠢᠯᠡᠭᠦᠶᠢᠴᠡ ᠬᠦᠭᠵᠢᠯᠲᠠ ᠶᠢᠨ ᠴᠢᠳᠠᠪᠦᠷᠢ ᠪᠠᠨ ᠨᠡᠮᠡᠭᠳᠡᠭᠦᠯᠦᠨ᠎ᠠ     ᠠᠵᠤ ᠠᠬᠤᠢ ᠤᠨ ᠬᠦᠭᠵᠢᠯᠲᠠ ᠪᠠ ᠠᠮᠢ ᠠᠬᠤᠢ ᠤᠨ ᠬᠠᠮᠠᠭᠠᠯᠠᠯᠲᠠ ᠶᠢ ᠵᠤᠬᠢᠴᠠᠩᠭᠤᠢ ᠬᠦᠭᠵᠢᠭᠦᠯᠬᠦ ᠵᠠᠷᠴᠢᠮ ᠶᠤᠰᠤᠭᠠᠷ᠂ ᠰᠢᠨ᠎ᠡ《 ᠤᠷᠴᠢᠨ ᠲᠤᠭᠤᠷᠢᠨ ᠢ ᠬᠠᠮᠠᠭᠠᠯᠠᠬᠤ ᠬᠠᠤᠯᠢ》᠎ ᠶᠢ ᠨᠢᠮᠪᠠᠢ ᠲᠤᠤᠱᠠᠯᠠᠭᠤᠯᠤᠨ᠂《 ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠲᠠᠷᠢᠶᠠᠯᠠᠬᠤ ᠤᠷᠤᠨ ᠤ ᠮᠠᠯᠵᠢᠬᠤ ᠶᠢ ᠵᠤᠭᠰᠤᠭᠠᠬᠤ ᠬᠠᠮᠢᠶᠠᠷᠤᠯᠲᠠ ᠎ ᠶᠢᠨ ᠠᠷᠭ᠎ᠠ》᠂《 ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠮᠢ ᠠᠬᠤᠢ ᠶᠢ ᠵᠠᠰᠠᠬᠤ ᠬᠢᠭᠡᠳ ᠬᠠᠮᠠᠭᠠᠯᠠᠬᠤ ᠢᠨᠵᠧᠨᠧᠷᠢᠩ ᠤᠨ ᠲᠦᠷᠦᠯ ᠵᠦᠢᠯ ᠤᠨ ᠤᠷᠤᠨ ᠤ ᠬᠠᠮᠢᠶᠠᠷᠤᠯᠲᠠ ᠶᠢᠨ ᠠᠷᠭ᠎ᠠ》ᠪᠠ《 ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠦᠨᠳᠦᠷ ᠤᠨᠠᠯᠲᠠᠳᠦ ᠡᠪᠡᠰᠤ ᠪᠤᠷᠳᠤᠭᠠᠨ ᠰᠠᠭᠤᠷᠢᠨ ᠭᠠᠵᠠᠷ ᠤᠨ ᠬᠠᠮᠢᠶᠠᠷᠤᠯᠳᠠ ᠶᠢᠨ ᠲᠦᠷᠢᠮ ︵ᠲᠤᠷᠰᠢᠨ ᠬᠡᠷᠡᠭᠯᠡᠬᠦ︶》᠎ ᠢ ᠴᠢᠩᠭ᠎ᠠ ᠬᠡᠷᠡᠭᠵᠢᠭᠦᠯᠦᠨ᠂ ᠲᠠᠯ᠎ᠠ ᠨᠤᠲᠤᠭ ᠤᠨ ᠠᠮᠢ ᠠᠬᠤᠢ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠠᠮᠤᠭ ᠴᠢᠩᠭ᠎ᠠ ᠡᠵᠡᠮᠳᠡᠨ ᠬᠠᠮᠢᠶᠠᠷᠠᠬᠤ ᠲᠦᠷᠢᠮ ᠢ ᠬᠡᠷᠡᠭᠵᠢᠭᠦᠯᠦᠨ᠎ᠠ᠃ ᠨᠤᠲᠤᠭ ᠪᠡᠯᠴᠢᠭᠡᠷ ᠢ ᠳᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ᠂ ᠬᠢᠨᠠᠨ ᠵᠦᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠤ᠂ ᠨᠤᠲᠤᠭ ᠪᠡᠯᠴᠢᠭᠡᠷ ᠢ ᠬᠦᠳᠡᠯᠥᠩᠭᠦᠢ ᠬᠢᠨᠠᠨ ᠬᠡᠮᠵᠢᠬᠦ ᠪᠠ ᠲᠤᠭᠳᠠᠮᠠᠯ ᠬᠤᠭᠤᠴᠠᠭ᠎ᠠ ᠲᠠᠢ ᠨᠡᠶᠢᠲᠡᠯᠡᠨ ᠮᠡᠳᠡᠭᠳᠡᠬᠦ ᠲᠦᠷᠢᠮ ᠢ ᠪᠠᠶᠢᠭᠤᠯᠥᠨ᠂ ᠬᠠᠤᠯᠢ ᠪᠤᠰᠤ ᠪᠠᠷ ᠬᠠᠭᠠᠯᠠᠪᠤᠷᠢᠯᠠᠬᠤ᠂ ᠳᠤᠷ᠎ᠠ ᠎ ᠪᠠᠷ ᠢᠶᠠᠨ ᠮᠠᠯᠲᠠᠵᠤ ᠰᠦᠢᠳᠭᠡᠬᠦ ᠵᠡᠷᠭᠡ ᠶᠢᠨ ᠲᠠᠯ᠎ᠠ ᠨᠤᠲᠤᠭ ᠤᠨ ᠠᠮᠢ ᠠᠬᠤᠢ ᠶᠢ ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠨ᠎ᠠ᠃ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠤᠨ ᠱᠠᠩᠨᠠᠨ ᠨᠦᠭᠦᠪᠦᠷᠢᠯᠡᠬᠦ ᠲᠦᠷᠦ ᠎ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠦᠪᠡᠷᠳᠡᠭᠡᠨ ᠵᠠᠰᠠᠬᠤ ᠤᠷᠤᠨ ᠤ《 ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢᠨ ᠬᠢᠨᠠᠨ ᠬᠠᠮᠢᠶᠠᠷᠤᠯᠲᠠ ᠶᠢᠨ ᠠᠷᠭ᠎ᠠ》᠎ ᠶᠢ ᠴᠢᠩᠭ᠎ᠠ ᠬᠡᠷᠡᠭᠵᠢᠭᠦᠯᠵᠤ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠱᠠᠩᠨᠠᠨ ᠨᠦᠭᠦᠪᠦᠷᠢᠯᠡᠬᠦ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠮᠠᠯᠵᠢᠬᠤ ᠶᠢ ᠵᠤᠭᠰᠤᠭᠠᠭᠰᠠᠨ ᠭᠠᠵᠠᠷ ᠨᠢ ᠵᠢᠩᠬᠢᠨᠢ ᠪᠠᠷ ᠮᠠᠯᠵᠢᠬᠤ ᠪᠠᠨ ᠵᠤᠭᠰᠤᠬᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠭᠠᠵᠠᠷ ᠨᠢ ᠲᠡᠩᠴᠡᠭᠦᠷᠢ ᠪᠠᠨ ᠪᠠᠶᠡᠯᠠᠭᠦᠯᠬᠦ ᠶᠢ ᠪᠠᠲᠤᠯᠠᠨ᠎ᠠ᠃ ᠨᠤᠲᠤᠭ ᠪᠡᠯᠴᠢᠭᠡᠷ ᠤᠨ ᠡᠷᠬᠡ ᠶᠢ ᠲᠤᠳᠤᠯᠠᠨ ᠲᠤᠭᠲᠠᠭᠠᠬᠤ ᠠᠵᠢᠯ ᠢ ᠦᠷᠭᠦᠯᠵᠢᠯᠡᠨ ᠰᠠᠶᠢᠳᠤᠷ ᠬᠢᠵᠤ᠂ ᠳᠡᠭᠡᠷ᠎ᠡ ᠬᠠᠭᠠᠰ ᠵᠢᠯ ᠦᠨᠳᠦᠰᠦᠨ ᠲᠡᠭᠡᠨ ᠳᠠᠭᠤᠰᠬᠠᠬᠤ ᠶᠢ ᠪᠠᠲᠤᠯᠠᠨ᠎ᠠ᠃ ᠨᠤᠲᠤᠭ ᠪᠡᠯᠴᠢᠭᠡᠷ ᠤᠨ ᠡᠵᠡᠭᠨᠡᠬᠦ ᠡᠷᠬᠡ ᠶᠢ ᠰᠢᠯᠵᠢᠭᠦᠯᠬᠦ ᠠᠵᠢᠯᠯᠠᠭ᠎ᠠ ᠶᠢ ᠲᠦᠷᠢᠮᠵᠢᠭᠦᠯᠵᠤ᠂ ᠨᠤᠲᠤᠭ ᠪᠡᠯᠴᠢᠭᠡᠷ ᠢ ᠰᠢᠯᠵᠢᠭᠦᠯᠬᠦ ᠳᠠᠪᠴᠠᠩ ᠢ ᠪᠠᠶᠢᠭᠤᠯᠤᠨ᠎ᠠ᠃ ᠬᠤᠶᠠᠳᠤᠭᠠᠷ ᠬᠤᠭᠤᠴᠠᠭᠠᠨ ᠤ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ᠂ ᠭᠤᠤᠯᠳᠠᠯᠭ᠎ᠠ ᠲᠠᠢ ᠤᠷᠤᠨ ᠢ ᠨᠤᠭᠤᠭᠠᠷᠠᠭᠤᠯᠬᠤ ᠢᠨᠵᠧᠨᠧᠷᠢᠩ ᠢ ᠨᠢᠭᠡᠳᠦᠯᠲᠠᠢ ᠲᠦᠯᠦᠪᠵᠢᠭᠦᠯᠦᠨ ᠰᠠᠶᠢᠳᠤᠷ ᠬᠡᠷᠡᠭᠵᠢᠭᠦᠯᠦᠨ᠎ᠠ᠃ ᠵᠢᠯ ᠎ ᠤᠨ ᠲᠤᠲᠤᠷ᠎ᠠ 5.7 ᠲᠦᠮᠡᠨ ᠮᠤ᠋ ᠡᠯᠡᠰᠤᠨ ᠤ ᠡᠬᠢ ᠢ ᠵᠠᠰᠠᠵᠤ᠂ 0.2 ᠲᠦᠮᠡᠨ ᠮᠤ᠋ ᠭᠤᠤᠯᠳᠠᠯᠭ᠎ᠠ ᠲᠠᠢ ᠤᠷᠤᠨ ᠢ ᠨᠤᠭᠤᠭᠠᠷᠠᠭᠤᠯᠤᠨ᠎ᠠ᠃ ᠲᠤᠮᠳᠠ ᠵᠢᠵᠢᠭ ᠭᠤᠤᠯ ᠤᠨ ᠤᠷᠤᠰᠬᠠᠯ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠣ᠂ ᠤᠰᠤ ᠬᠡᠷᠡᠭᠯᠡᠬᠦ ᠶᠡᠷᠥᠩᠭᠡᠢ ᠬᠡᠮᠵᠢᠶ᠎ᠡ᠂ ᠤᠰᠤᠨ ᠤ ᠠᠰᠢᠭᠯᠠᠮᠵᠢ ᠶᠢ ᠡᠵᠡᠮᠳᠡᠬᠦ᠂ ᠤᠰᠤᠨ ᠤ ᠬᠡᠷᠡᠭᠴᠡᠭᠡᠨ ᠤ ᠤᠷᠤᠨ ᠎ ᠤ ᠪᠤᠵᠠᠷᠲᠠᠯ ᠢ ᠬᠢᠵᠠᠭᠠᠷᠯᠠᠬᠤ《 ᠭᠤᠷᠪᠠᠨ ᠤᠯᠠᠭᠠᠨ ᠱᠤᠭᠤᠮ》᠎ ᠤᠨ ᠬᠢᠨᠠᠨ ᠰᠢᠯᠭᠠᠬᠤ ᠬᠠᠮᠢᠶᠠᠷᠤᠯᠲᠠ ᠶᠢᠨ ᠲᠦᠷᠢᠮ ᠲᠤᠭᠲᠠᠭᠠᠯ ᠢ ᠴᠢᠩᠭᠠᠳᠬᠠᠨ᠎ᠠ᠃《 ᠭᠤᠷᠪᠠᠨ ᠲᠤᠭᠤᠷᠢᠭ ᠬᠤᠶᠠᠷ ᠱᠤᠭᠤᠮ》᠎ ᠤᠨ ᠭᠠᠵᠠᠷ ᠰᠢᠨᠵᠢᠯᠡᠭᠡᠨ ᠎ ᠤ ᠤᠷᠴᠢᠨ ᠲᠤᠭᠤᠷᠢᠨ ᠢ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠵᠢᠯ ᠤᠨ ᠲᠤᠲᠤᠷ᠎ᠠ ᠭᠠᠵᠠᠷ ᠰᠢᠨᠵᠢᠯᠡᠭᠡᠨ ᠎ ᠤ ᠤᠷᠴᠢᠨ ᠲᠤᠭᠤᠷᠢᠨ ᠢ ᠰᠡᠷᠭᠦᠭᠡᠨ ᠵᠠᠰᠠᠬᠤ ᠲᠦᠷᠦᠯ ᠵᠦᠢᠯ 2᠎ ᠢ ᠬᠡᠷᠡᠭᠵᠢᠭᠦᠯᠦᠨ᠎ᠡ᠃ ᠠᠭᠤᠷᠬᠠᠢ ᠤᠨ ᠤᠷᠤᠨ ᠢ ᠵᠠᠰᠠᠬᠤ ᠵᠢᠯ ᠤᠨ ᠡᠭᠦᠷᠭᠡ ᠶᠢ ᠲᠤᠪᠤᠶᠢᠮ᠎ᠠ ᠠᠳᠬᠤᠵᠤ᠂ ᠠᠭᠤᠷᠬᠠᠢ ᠤᠨ ᠤᠷᠴᠢᠨ ᠲᠤᠭᠤᠷᠢᠨ ᠢ ᠵᠠᠰᠠᠬᠤ ᠪᠠᠲᠤᠯᠠᠭ᠎ᠠ ᠶᠢᠨ ᠮᠦᠩᠭᠦ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠭᠤᠷᠬᠠᠢ ᠤᠨ ᠲᠤᠭᠤᠷᠢᠭ ᠢ ᠰᠡᠷᠭᠦᠭᠡᠵᠤ ᠨᠤᠭᠤᠭᠠᠷᠠᠭᠤᠯᠬᠤ᠂ ᠬᠠᠶᠠᠭᠳᠠᠮᠠᠯ ᠰᠢᠷᠦᠢ ᠤᠨ ᠲᠠᠯᠠᠪᠠᠢ ᠶᠢ ᠵᠠᠰᠠᠬᠤ ᠪᠠᠷ ᠭᠤᠤᠯᠳᠠᠯᠭ᠎ᠠ ᠪᠤᠯᠭᠠᠨ᠂ ᠱᠠᠲᠤᠴᠢ ᠴᠢᠨᠠᠷᠲᠠᠢ ᠵᠠᠰᠠᠬᠤ ᠬᠠᠷᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠠᠭᠤᠷᠬᠠᠢ ᠤᠨ ᠨᠡᠭᠡᠭᠡᠯᠲᠡ ᠶᠢᠨ ᠠᠮᠢ ᠠᠬᠤᠢ ᠎ ᠶᠢᠨ ᠤᠷᠴᠢᠨ ᠲᠤᠭᠤᠷᠢᠨ ᠳᠤ ᠦᠵᠡᠭᠦᠯᠬᠦ ᠨᠦᠯᠦᠭᠡ ᠶᠢ ᠬᠠᠮᠤᠭ ᠳᠤᠤᠷ᠎ᠠ ᠬᠡᠮᠵᠢᠶᠡᠨ ᠳᠤ ᠬᠦᠷᠭᠡᠬᠦ ᠪᠠᠷ ᠴᠢᠷᠮᠡᠶᠢᠨ᠎ᠠ ᠃ ᠮᠢᠩᠭᠠᠲᠦ ᠠᠵᠤ ᠦᠢᠯᠡᠳᠪᠦᠷᠢ ᠶᠢᠨ ᠲᠤᠭᠤᠷᠢᠭ ᠤᠨ ᠤᠷᠴᠢᠨ ᠲᠤᠭᠤᠷᠢᠨ ᠤ ᠤᠳᠤᠬᠢ ᠪᠠᠶᠢᠳᠠᠯ ᠳᠤ ᠬᠢᠨᠠᠯᠲᠠ ᠎ ᠶᠢᠨ ᠴᠢᠨᠠᠷᠲᠠᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠳᠤᠷ ᠬᠢᠵᠤ᠂ ᠲᠤᠷ᠎ᠠ ᠪᠠᠷ ᠢᠶᠠᠨ ᠪᠤᠯᠠᠵᠤ ᠤᠷᠤᠰᠢᠭᠤᠯᠬᠤ ᠶᠢ ᠠᠷᠢᠯᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠦᠨ᠂ ᠠᠮᠢ ᠠᠬᠤᠢ ᠤᠨ ᠨᠡᠶᠢᠲᠡ ᠶᠢᠨ ᠤᠩᠭᠤᠨ ᠪᠠ ᠤᠷᠤᠰᠢᠭᠤᠯᠭ᠎ᠠ ᠶᠢᠨ ᠭᠠᠵᠠᠷ ᠬᠠᠶᠢᠯᠤᠭᠤᠯᠬᠤ ᠭᠠᠵᠠᠷ ᠤᠨ ᠪᠠᠶᠢᠭᠤᠯᠤᠯᠲᠠ ᠶᠢ ᠡᠬᠢᠯᠡᠭᠦᠯᠦᠨ᠎ᠠ᠃     ︵ᠲᠠᠪᠤ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠵᠤ᠂ ᠠᠷᠠᠳ ᠤᠯᠠᠨ ᠤ ᠵᠤᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠠ     ᠠᠷᠠᠳ ᠤᠨ ᠭᠦᠰᠡᠯ ᠢᠶᠠᠷ ᠵᠠᠰᠠᠭ ᠪᠠᠷᠢᠬᠤ ᠴᠢᠭᠯᠡᠯ ᠢᠶᠠᠨ ᠪᠤᠯᠭᠠᠵᠤ᠂ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠲᠠ ᠶᠢ ᠤᠷᠢᠳᠠᠪᠡᠷ ᠪᠠᠲᠤᠯᠠᠵᠤ᠂ ᠠᠷᠠᠳ ᠤᠨ ᠠᠮᠢᠳᠤᠷᠠᠯ ᠤᠨ ᠵᠢᠷᠭᠤᠭᠠᠨ ᠲᠦᠷᠦᠯ ᠤᠨ ᠢᠨᠵᠧᠨᠧᠷᠢᠩ ᠎ ᠢ ᠭᠤᠤᠯᠳᠠᠯᠭ᠎ᠠ ᠲᠠᠢ ᠬᠡᠷᠡᠭᠵᠢᠬᠦᠯᠦᠨ᠎ᠡ᠃ ᠨᠢᠭᠡ ᠳᠤ᠂ ᠶᠠᠳᠠᠭᠤ ᠶᠢ ᠲᠡᠳᠬᠦᠬᠦ ᠪᠤᠭᠤᠮᠳᠠ ᠰᠢᠪᠲᠤᠯᠠᠬᠤ ᠢᠨᠵᠧᠨᠧᠷᠢᠩ᠃ ᠠᠶᠢᠮᠠᠭ ᠠᠴᠠ 2016 ᠤᠨ ᠪᠤᠯᠬᠤ ᠳᠤ ᠬᠠᠷᠢᠴᠠᠯᠠᠰᠢ ᠦᠭᠡᠢ ᠶᠠᠳᠠᠭᠤ ᠪᠠᠶᠢᠳᠠᠯ ᠢ ᠦᠨᠳᠦᠰᠦᠨ ᠎ ᠳᠤᠨᠢ ᠠᠷᠢᠯᠭᠠᠵᠤ᠂ ᠤᠷᠤᠨ ᠤ ᠲᠡᠰ ᠤᠨ ᠶᠠᠳᠠᠭᠤ ᠬᠤᠰᠢᠭᠤ ᠶᠢ ᠶᠠᠳᠠᠭᠤ ᠠᠴᠠ ᠠᠩᠭᠢᠵᠢᠷᠠᠭᠤᠯᠵᠤ᠂ 2019 ᠤᠨ ᠪᠤᠯᠬᠤ ᠳᠤ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠮᠠ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠵᠤ ᠂ ᠤᠯᠤᠰ ᠤᠨ ᠲᠡᠰ ᠤᠨ ᠶᠠᠳᠠᠭᠤ ᠬᠤᠰᠢᠭᠤ ᠶᠢ ᠠᠷᠢᠯᠭᠠᠬᠤ ᠪᠠᠷ ᠲᠦᠯᠦᠪᠯᠡᠵᠤ᠂《 ᠬᠤᠶᠠᠷ ᠠᠴᠠ ᠵᠤᠪᠠᠭ᠋ᠤ ᠦᠭᠡᠢ ᠂ ᠭᠤᠷᠪᠠ ᠶᠢ ᠪᠠᠲᠤᠯᠠᠬᠤ》᠎ ᠶᠢ ᠪᠡᠶᠡᠯᠡᠭᠦᠯᠦᠨ᠎ᠡ᠃ ᠮᠠᠨ ᠤ ᠬᠤᠰᠢᠭᠤᠨ ᠤ ᠶᠠᠳᠠᠭᠤ ᠶᠢ ᠳᠡᠳᠭᠦᠭᠦ ᠪᠤᠭᠤᠮᠳᠠ ᠰᠢᠪᠲᠤᠯᠠᠬᠤ ᠶᠢᠨ ᠳᠠᠷᠤᠯᠲᠠ ᠲᠤᠩ ᠬᠦᠨᠳᠦ ᠪᠠᠶᠢᠨ᠎ᠠ᠃ ᠦᠨᠦ ᠵᠢᠯ᠂ ᠶᠠᠳᠠᠭᠤ ᠶᠢ ᠲᠡᠳᠬᠦᠬᠦ ᠪᠡᠯᠡ ᠮᠦᠩᠭᠦ ᠤᠯᠬᠤ ᠬᠦᠴᠥᠯᠡᠴᠡ ᠪᠠᠨ ᠦᠷᠭᠦᠯᠵᠢᠯᠡᠨ ᠨᠡᠮᠡᠭᠳᠡᠭᠦᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠴᠡᠭ ᠲᠤᠭᠲᠠᠭᠠᠨ ᠶᠠᠳᠠᠭᠤ ᠶᠢ ᠲᠡᠳᠬᠦᠬᠦ᠂ ᠤᠨᠤᠪᠴᠢᠲᠠᠢ ᠪᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ᠂ ᠰᠤᠷᠭᠠᠨ ᠭᠦᠮᠦᠵᠢᠯ ᠢᠶᠠᠷ ᠶᠠᠳᠠᠭᠤ ᠶᠢ ᠲᠡᠳᠬᠦᠬᠦ ᠵᠡᠷᠭᠡ ᠡᠯ᠎ᠡ ᠲᠦᠷᠦᠯ ᠤᠨ ᠢᠨᠵᠧᠨᠧᠷᠢᠩ ᠢ ᠨᠢᠭᠡᠲᠦᠯᠲᠠᠢ ᠲᠦᠯᠦᠪᠵᠢᠭᠦᠯᠦᠨ ᠬᠡᠷᠡᠭᠵᠢᠭᠦᠯᠦᠨ᠎ᠠ᠃ 900 ᠲᠦᠮᠡᠨ ᠲᠦᠬᠦᠷᠢᠭ ᠤᠷᠤᠭᠤᠯᠵᠤ᠂ 20 ᠭᠠᠴᠠᠭ᠎ᠠ ᠲᠤᠰᠬᠤᠨ ᠳᠤ《 ᠭᠤᠷᠪᠠ ᠶᠢ ᠲᠤᠰᠬᠤᠨ ᠳᠤ ᠭᠦᠷᠭᠡᠬᠦ᠂ ᠭᠤᠷᠪᠠ ᠶᠢ ᠡᠷᠦᠬᠡ ᠳᠤ ᠭᠦᠷᠭᠡᠬᠦ》ᠤᠨᠤᠪᠴᠢᠲᠠᠢ ᠪᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠬᠡᠷᠡᠭᠵᠢᠭᠦᠯᠦᠨ᠎ᠡ᠂ ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠤ᠂ ᠶᠠᠳᠠᠭᠤ ᠶᠢ ᠲᠡᠳᠬᠦᠬᠦ ᠵᠢᠭᠡᠯᠯᠡᠭᠡ ᠶᠢ 1 ᠳ᠋ᠦᠩᠰᠢᠭᠤᠷ ᠲᠦᠬᠦᠷᠢᠭ ᠳᠠᠷᠬᠠᠭᠠᠨ᠎ᠠ︔ 360 ᠶᠠᠳᠠᠭᠤ ᠭᠦᠴᠢᠷᠲᠠᠢ ᠬᠦᠮᠦᠨ ᠠᠮᠠ ᠳᠤ ᠮᠡᠷᠭᠡᠵᠢᠯ ᠤᠨ ᠪᠤᠯᠪᠠᠰᠤᠷᠠᠯ ᠭᠦᠷᠲᠡᠭᠡᠨ᠂ ᠮᠠᠯᠴᠢᠨ ᠲᠠᠷᠢᠶᠠᠴᠢᠨ ᠤ ᠠᠵᠢᠯ ᠤᠯᠭᠤᠯᠲᠠ ᠦᠢᠯᠡᠰ ᠪᠦᠲᠦᠭᠡᠬᠦ ᠳᠤ ᠲᠦᠰᠢᠭᠯᠡᠨ ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔ ᠤᠳᠤ ᠪᠠᠶᠢᠭᠤᠯᠵᠤ ᠪᠠᠶᠢᠭ᠎ᠠ ᠠᠵᠤ ᠠᠬᠤᠶᠢᠯᠠᠯ ᠲᠠᠢ ᠬᠠᠷᠢᠯᠴᠠᠨ᠂ ᠠᠵᠢᠯ ᠤᠨ ᠪᠠᠶᠢᠷᠢ ᠨᠡᠮᠡᠭᠳᠡᠭᠦᠯᠭᠦ᠂ ᠮᠠᠯ ᠠᠵᠤ ᠠᠬᠤᠢ ᠲᠠᠷᠢᠶᠠᠯᠠᠩ ᠤᠨ ᠪᠦᠲᠦᠴᠡ ᠶᠢ ᠲᠤᠬᠢᠷᠠᠭᠤᠯᠵᠤ᠂ ᠮᠠᠯ ᠲᠠᠷᠢᠶᠠᠯᠠᠩ ᠤᠨ ᠠᠰᠢᠭ ᠤᠷᠤᠯᠭ᠎ᠠ ᠶᠢ ᠨᠡᠮᠡᠭᠳᠡᠭᠦᠯᠭᠦ ᠵᠡᠷᠭᠡ ᠠᠷᠭ᠎ᠠ ᠬᠡᠯᠪᠡᠷᠢ ᠎ ᠪᠠᠷ ᠳᠠᠮᠵᠢᠨ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠦᠨ᠎ᠡ᠃ ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠠ ᠪᠠ ᠤᠷᠤᠨ ᠤ ᠤᠷᠴᠢᠨ ᠲᠤᠭᠤᠷᠢᠨ ᠢ ᠬᠠᠮᠠᠭᠠᠯᠠᠬᠤ ᠲᠢᠩᠬᠢᠮ ᠤᠨ ᠮᠠᠨ ᠤ ᠬᠤᠰᠢᠭᠤ ᠶᠢ ᠬᠠᠪᠰᠤᠷᠤᠨ ᠲᠡᠳᠭᠦᠬᠦ ᠠᠰᠢᠭᠲᠠᠢ ᠲᠤᠬᠢᠶᠠᠯ ᠢ ᠭᠦᠢᠴᠡᠳ ᠠᠰᠢᠭᠯᠠᠵᠤ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠡᠶᠢᠨ᠎ᠠ᠃ ᠵᠢᠯ ᠤᠨ ᠲᠤᠲᠤᠷ᠎ᠠ 3496 ᠬᠦᠮᠦᠨ ᠢ ᠲᠤᠭᠲᠠᠭᠤᠨ ᠪᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠨ᠎ᠠ᠃ ᠬᠤᠶᠠᠷ ᠳᠤ᠂《ᠠᠷᠪᠠ ᠶᠢ ᠪᠦᠷᠬᠦᠭᠦᠯᠬᠦ ᠢᠨᠵᠧᠨᠧᠷᠢᠩ》᠃《 ᠲᠠᠷᠢᠶᠠᠯᠠᠬᠤ ᠤᠷᠤᠨ ᠳᠤ ᠨᠢᠭᠡ ᠪᠠᠶᠢᠭᠠᠯᠢᠭ ᠲᠤᠰᠬᠤᠨ ᠢ ᠦᠯᠡᠳᠡᠭᠡᠬᠦ ᠦᠭᠡᠢ᠂ ᠮᠠᠯᠵᠢᠬᠤ ᠤᠷᠤᠨ ᠳᠤ ᠨᠢᠭᠡ ᠮᠠᠯᠵᠢᠯ ᠤᠨ ᠴᠡᠭ ᠢ ᠤᠷᠬᠢᠳᠠᠭᠤᠯᠬᠤ ᠦᠭᠡᠢ》ᠶᠡᠷᠥᠩᠭᠡᠢ ᠱᠠᠭᠠᠷᠳᠠᠯᠭ᠎ᠠ ᠶᠤᠰᠤᠭᠠᠷ᠂ 5.98 ᠳ᠋ᠦᠩᠰᠢᠭᠤᠷ ᠲᠦᠭᠦᠷᠢᠭ ᠢ ᠬᠤᠷᠠᠮᠳᠤᠭᠤᠯᠵᠤ᠂ 15 ᠵᠠᠰᠠᠭ ᠵᠠᠬᠢᠷᠭᠠᠨ ᠤ ᠲᠤᠰᠬᠤᠨ ᠪᠠ 448 ᠪᠠᠶᠢᠭᠠᠯᠢᠭ ᠲᠤᠰᠬᠤᠨ ︵ᠬᠤᠲᠠ︶᠎ ᠶᠢ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠠ᠃ ᠡᠭᠦᠨ ᠤ ᠬᠠᠮᠲᠦ 2014᠂ 2015 ᠤᠨ ᠤ ᠬᠡᠷᠡᠭᠵᠢᠭᠦᠯᠦᠭᠰᠡᠨ 62 ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠢ ᠲᠡᠰ ᠳᠡᠪᠰᠢᠭᠦᠯᠦᠨ᠎ᠠ᠃ ᠭᠤᠤᠯᠳᠠᠭᠤ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠲᠠᠢ ᠤᠷᠤᠨ ᠰᠠᠭᠤᠴᠠ 3300᠎ ᠶᠢ ᠵᠠᠰᠠᠨ ᠰᠡᠯᠪᠢᠵᠤ᠂ 78.1 ᠺᠢᠯᠤᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠠᠨ᠂ 86 ᠬᠤᠳᠳᠤᠭ ᠢ ᠰᠢᠨ᠎ᠡ ᠪᠠᠷ ᠮᠠᠯᠲᠠᠵᠤ᠂ 13 ᠰᠠᠭᠤᠷᠢ ᠲᠦᠭᠡᠭᠡᠯ ᠤᠰᠤᠨ ᠤ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠪᠤᠶᠤ ᠵᠠᠰᠠᠨ ᠰᠡᠯᠪᠢᠵᠤ᠂ ᠮᠠᠯᠵᠢᠬᠤ ᠲᠠᠷᠢᠶᠠᠯᠠᠬᠤ ᠤᠷᠤᠨ ᠤ 2000 ᠬᠦᠮᠦᠨ ᠠᠮᠠ ᠶᠢᠨ ᠠᠮᠤᠷ ᠲᠦᠪᠰᠢᠨ ᠤᠰᠤᠨ ᠤ ᠠᠰᠠᠭᠤᠳᠠᠯ ᠢ ᠰᠢᠢᠳᠪᠦᠷᠢᠯᠡᠨ᠎ᠠ᠃ 519 ᠡᠷᠦᠬᠡ ᠶᠢᠨ ᠰᠠᠯᠬᠢᠨ ᠭᠡᠷᠡᠯ ᠬᠠᠷᠢᠯᠴᠠᠨ ᠨᠦᠬᠦᠪᠦᠷᠢᠯᠡᠬᠦ ᠲᠦᠬᠦᠭᠡᠷᠦᠮᠵᠢ ᠶᠢ ᠲᠡᠰ ᠲᠡᠪᠰᠢᠭᠦᠯᠵᠦ᠂《 ᠡᠷᠦᠬᠡ ᠪᠤᠯᠭᠠᠨ ᠳᠤ ᠨᠡᠪᠲᠡᠷᠡᠭᠦᠯᠬᠦ》ᠷᠠᠳᠢᠤ᠋ ᠲᠧᠯᠸᠢᠰ ᠬᠦᠯᠢᠶᠡᠨ ᠠᠪᠬᠤ ᠳᠦᠬᠦᠭᠡᠷᠥᠮᠵᠢ ᠶᠢ 1000 ᠢᠵᠢ ᠤᠭᠰᠠᠷᠠᠨ᠎ᠠ︔ ᠡᠭᠦᠨ ᠤ ᠬᠠᠮᠲᠤ ᠨᠤᠷᠠᠬᠤ ᠠᠶᠤᠯᠲᠠᠢ ᠰᠢᠪᠠᠷ ᠭᠡᠷ᠂ ᠰᠢᠪᠠᠷ ᠫᠧᠩ᠂ ᠰᠢᠪᠠᠷ ᠬᠦᠷᠢᠶ᠎ᠡ ᠶᠢ ᠨᠤᠷᠠᠭᠠᠬᠤ᠂ ᠬᠦᠷᠢᠶᠡᠨ ᠤ ᠬᠡᠷᠡᠮ ᠢ ᠦᠭᠡᠷᠡᠴᠢᠯᠡᠬᠦ᠂ ᠭᠠᠵᠠᠷ ᠰᠢᠷᠦᠢ ᠢ ᠲᠡᠭᠰᠢᠯᠡᠬᠦ᠂ ᠲᠤᠰᠬᠤᠨ ᠬᠤᠲᠠ ᠶᠢ ᠨᠤᠭᠤᠭᠠᠷᠠᠭᠤᠯᠬᠤ ᠵᠡᠷᠭᠡ ᠤᠷᠤᠰᠢᠨ ᠰᠠᠭᠤᠬᠤ ᠤᠷᠴᠢᠨ ᠲᠤᠭᠤᠷᠢᠨ ᠢ ᠵᠠᠰᠠᠨ ᠴᠡᠭᠴᠡᠯᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠭᠤᠷᠪᠠ ᠳᠤ᠂ ᠨᠡᠶᠢᠭᠡᠮ ᠤᠨ ᠪᠠᠳᠤᠯᠠᠭ᠎ᠠ ᠶᠢᠨ ᠢᠨᠵᠧᠨᠧᠷᠢᠩ᠃ ᠨᠡᠶᠢᠭᠡᠮ ᠤᠨ ᠲᠠᠭᠠᠳᠬᠠᠯ ᠤᠨ ᠪᠦᠷᠬᠦᠬᠦ ᠬᠡᠮᠵᠢᠶ᠎ᠡ ᠶᠢ ᠤᠯᠠᠮ ᠨᠢᠭᠡ ᠠᠯᠬᠤᠮ ᠦᠷᠭᠡᠳᠬᠡᠵᠤ᠂ ᠬᠤᠲᠠ ᠬᠦᠳᠡᠭᠡ ᠶᠢᠨ ᠲᠤᠤᠷ᠎ᠠ  ᠪᠠᠲᠤᠯᠠᠭ᠎ᠠ᠂ ᠬᠦᠳᠡᠭᠡ ᠲᠤᠰᠬᠤᠨ ᠤ《 ᠲᠠᠪᠤᠨ ᠪᠠᠲᠤᠯᠠᠭ᠎ᠠ 》ᠵᠡᠷᠭᠡ ᠨᠡᠶᠢᠭᠡᠮ ᠤᠨ ᠪᠠᠳᠤᠯᠠᠭᠠᠨ ᠤ ᠨᠦᠬᠦᠪᠦᠷᠢ ᠶᠢᠨ ᠪᠠᠷᠢᠮᠵᠢᠶ᠎ᠠ ᠶᠢ ᠦᠰᠬᠡᠭᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠠᠯᠠᠭᠤᠯᠵᠤ᠂ ᠬᠤᠲᠠ ᠬᠦᠳᠡᠭᠡ ᠶᠢᠨ ᠳᠤᠤᠷ᠎ᠠ ᠪᠠᠲᠤᠯᠠᠭᠠᠲᠤ ᠡᠷᠦᠬᠡ ᠪᠦᠷᠢ ᠳᠤ ᠬᠢᠨᠠᠨ ᠰᠢᠯᠭᠠᠯᠲᠠ ᠬᠢᠵᠤ᠂ ᠨᠠᠷᠢᠨ ᠤᠨᠤᠪᠴᠢᠲᠠᠢ᠂ ᠡᠷᠭᠡ ᠳᠡᠭᠰᠢ ᠬᠦᠳᠡᠯᠥᠩᠭᠦᠢ ᠬᠠᠮᠢᠶᠠᠷᠤᠯᠲᠠ ᠬᠢᠬᠦ ᠶᠢ ᠪᠠᠲᠤᠯᠠᠨ᠎ᠠ᠃ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠴᠢᠳᠠᠪᠦᠷᠢ ᠶᠢ ᠲᠡᠭᠦᠯᠳᠡᠷᠵᠢᠭᠦᠯᠵᠤ᠂ ᠨᠠᠨ ᠱᠠᠨ ᠨᠡᠶᠢᠭᠡᠮ ᠲᠤᠭᠤᠷᠢᠭ ᠤᠨ ᠶᠡᠷᠥᠩᠭᠡᠶᠢᠯᠡᠭᠰᠡᠨ ᠦᠢᠯᠡᠴᠢᠯᠡᠭᠡᠨ ᠤ ᠲᠦᠪ ᠢ ᠰᠢᠨ᠎ᠡ ᠪᠠᠷ ᠪᠠᠶᠢᠭᠤᠯᠤᠨ᠂ ᠨᠡᠶᠢᠭᠡᠮ ᠲᠤᠭᠤᠷᠢᠭ ᠤᠨ ᠠᠰᠢᠭᠯᠠᠯᠲᠠ ᠪᠤᠯᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠠᠯᠪᠠᠲᠠᠨ ᠳᠤ ᠲᠤᠰᠢᠶᠠᠯ ᠪᠤᠯᠤᠨ ᠲᠤᠰᠢᠶᠠᠯ ᠤᠨ ᠲᠡᠰ ᠢ ᠵᠡᠷᠭᠡᠪᠡᠷ ᠭᠡᠷᠡᠭᠵᠢᠭᠦᠯᠬᠦ ᠪᠤᠯᠤᠨ ᠰᠤᠮᠤ ᠪᠠᠯᠭᠠᠰᠤᠨ ᠤ ᠦᠨᠳᠦᠰᠦᠨ ᠱᠠᠲᠦᠨ ᠤ ᠠᠵᠢᠯ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠭᠦᠢᠴᠡᠳᠬᠡᠨ᠎ᠠ᠃ ᠦᠨᠳᠦᠷ ᠨᠠᠰᠤᠨ ᠤ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠤ᠂ 60 ᠨᠠᠰᠤᠨ ᠠᠴᠠ ᠳᠡᠭᠡᠭᠰᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠰᠠᠷ᠎ᠠ ᠪᠦᠷᠢ ᠶᠢᠨ ᠳᠤᠮᠳᠠᠴᠢ ᠨᠠᠰᠤᠵᠢᠯ ᠤᠨ ᠠᠰᠠᠷᠠᠮᠵᠢ ᠶᠢᠨ ᠮᠦᠩᠭᠦᠨ ᠤ ᠬᠢᠷᠢ ᠲᠦᠪᠰᠢᠨ ᠢ ᠳᠡᠭᠡᠭᠰᠢᠯᠡᠭᠦᠯᠦᠨ 110 ᠲᠦᠬᠦᠷᠢᠭ ᠳᠤ ᠬᠦᠷᠭᠡᠨ᠎ᠡ᠃ ᠬᠤᠲᠠ ᠬᠦᠳᠡᠭᠡ ᠶᠢᠨ  ᠰᠠᠭᠤᠭᠠᠯᠢ ᠠᠷᠠᠳ ᠤᠨ ᠨᠡᠶᠢᠭᠡᠮ ᠤᠨ ᠠᠰᠠᠷᠠᠮᠵᠢ ᠎ ᠶᠢᠨ ᠲᠠᠭᠠᠳᠬᠠᠯ ᠳᠤ ᠤᠷᠤᠯᠴᠠᠭᠰᠠᠨ ᠨᠤᠷᠮ᠎ᠠ ᠶᠢ 80%᠎ ᠳᠤ ᠬᠦᠷᠭᠡᠨ᠎ᠡ᠃ ᠳᠤᠤᠷ᠎ᠠ ᠤᠷᠤᠯᠭ᠎ᠠ ᠲᠠᠢ ᠭᠡᠷ ᠪᠦᠯᠢ ᠎ ᠶᠢᠨ ᠤᠷᠤᠨ ᠰᠠᠭᠤᠴᠠ ᠶᠢᠨ ᠪᠠᠲᠤᠯᠠᠭ᠎ᠠ ᠶᠢᠨ ᠲᠦᠷᠢᠶᠡᠰᠤᠨ ᠮᠦᠩᠭᠦᠨ ᠤ ᠨᠦᠬᠦᠪᠦᠷᠢ ᠶᠢ 150 ᠲᠦᠮᠡᠨ ᠲᠦᠬᠦᠷᠢᠭ ᠲᠠᠷᠬᠠᠭᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠡᠷᠴᠢᠮ ᠢᠶᠠᠨ ᠨᠡᠮᠡᠭᠳᠡᠭᠦᠯᠦᠨ᠂ ᠤᠨᠴᠠ ᠭᠦᠴᠢᠷᠲᠠᠢ ᠭᠡᠷ ᠪᠦᠯᠢ᠂ ᠵᠡᠮᠳᠡᠭᠴᠤᠳ ᠵᠡᠷᠭᠡ ᠪᠠᠭᠤᠷᠠᠶᠢᠴᠤᠳ ᠤᠨ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠨ᠎ᠠ᠃ ᠵᠢᠯ ᠤᠨ ᠲᠤᠳᠤᠷ᠎ᠠ ᠡᠯ᠎ᠡ ᠲᠦᠷᠦᠯ ᠤᠨ ᠠᠪᠤᠷᠠᠨ ᠳᠤᠰᠠᠯᠠᠬᠤ ᠨᠦᠬᠦᠪᠦᠷᠢ ᠮᠦᠩᠭᠦ ᠶᠢ 500 ᠲᠦᠮᠡᠨ ᠲᠦᠬᠦᠷᠢᠭ ᠬᠤᠷᠠᠮᠳᠤᠭᠤᠯᠤᠨ ᠳᠠᠷᠬᠠᠭᠠᠵᠤ᠂ ᠭᠦᠴᠢᠷᠲᠠᠢ ᠤᠯᠠᠨ ᠲᠦᠮᠡᠨ ᠤ ᠴᠠᠭ ᠲᠠᠭᠠᠨ ᠪᠦᠳᠦᠮᠵᠢᠲᠠᠢ ᠲᠤᠰᠠᠯᠠᠮᠵᠢ ᠭᠦᠷᠲᠡᠬᠦ ᠎ ᠶᠢ ᠪᠠᠲᠤᠯᠠᠨ᠎ᠠ᠃ ᠲᠦᠷᠪᠠ ᠳᠤ᠂ ᠦᠢᠯᠡᠰ ᠪᠤᠰᠬᠠᠬᠤ ᠠᠵᠢᠯ ᠤᠯᠭᠤᠬᠤ ᠢᠨᠵᠧᠨᠧᠷᠢᠩ᠃《 ᠠᠷᠠᠳ ᠨᠡᠶᠢᠲᠡ ᠪᠠᠷ ᠎ ᠢᠶᠠᠨ ᠦᠢᠯᠡᠰ ᠪᠤᠰᠬᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ》ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠳᠥᠷ ᠨᠠᠶᠢᠳᠠᠪᠤᠷᠢᠵᠢᠭᠤᠯᠵᠤ᠂ ᠤᠯᠠᠨ ᠢᠶᠠᠷ ᠢᠶᠠᠨ ᠰᠢᠨ᠎ᠡ ᠶᠢ ᠡᠭᠦᠳᠬᠦ ᠤᠷᠤᠨ ᠵᠡᠢ ᠪᠡ ᠦᠢᠯᠡᠰ ᠪᠦᠲᠦᠭᠡᠬᠦ ᠰᠠᠭᠤᠷᠢᠨ ᠭᠠᠵᠠᠷ ᠢ ᠲᠤᠰᠪᠦᠷᠢ ᠨᠢᠭᠡ ᠶᠢ ᠪᠠᠶᠢᠭᠤᠯᠤᠨ᠂ ᠰᠤᠳᠤᠨ ᠤᠨᠴᠠᠯᠢᠭᠳᠤ ᠮᠡᠷᠭᠡᠵᠢᠯ ᠤᠨ ᠪᠤᠯᠪᠠᠰᠤᠷᠠᠯ ᠤᠨ ᠲᠦᠷᠦᠯ ᠵᠦᠢᠯ 3᠎ ᠶᠢ ᠪᠠᠶᠢᠭᠤᠯᠤᠨ᠎ᠠ᠃ ᠠᠵᠢᠯ ᠤᠯᠬᠤ ᠳᠤ ᠭᠦᠴᠢᠷᠲᠠᠢ ᠬᠦᠮᠦᠰ᠂ ᠮᠤᠩᠭᠤᠯ ᠎ ᠢᠶᠠᠷ ᠰᠤᠷᠤᠭᠰᠠᠨ ᠤᠶᠤᠳᠠᠳ ᠵᠡᠷᠭᠡ ᠭᠤᠤᠯᠳᠠᠯᠭ᠎ᠠ ᠲᠠᠢ ᠬᠦᠮᠦᠰ ᠲᠤ ᠦᠢᠯᠡᠰ ᠪᠤᠰᠬᠠᠬᠤ ᠠᠵᠢᠯ ᠤᠯᠭᠤᠬᠤ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠦᠮᠦᠰ ᠢ ᠲᠦᠷᠦᠯ ᠬᠤᠪᠢᠶᠠᠨ ᠰᠢᠯᠭᠠᠨ ᠡᠯᠡᠰᠭᠦ ᠠᠵᠢᠯ ᠢ ᠰᠠᠶᠢᠳᠤᠷ ᠬᠢᠵᠤ᠂ ᠠᠵᠢᠯ ᠤᠯᠭᠤᠵᠤ ᠦᠢᠯᠡᠰ ᠪᠤᠰᠬᠠᠬᠤ ᠪᠠᠭ᠎ᠠ ᠲᠤᠭᠠᠨ ᠤ ᠵᠢᠭᠡᠯᠡᠯᠭᠡ ᠶᠢ 1200 ᠲᠦᠮᠡᠨ ᠲᠦᠭᠦᠷᠢᠭ ᠲᠠᠷᠬᠠᠭᠠᠵᠤ᠂ 1600 ᠬᠦᠮᠦᠨ ᠳᠤ ᠠᠵᠢᠯ ᠤᠯᠭᠤᠵᠤ ᠦᠢᠯᠡᠰ ᠪᠤᠰᠬᠠᠬᠤ ᠮᠡᠷᠭᠡᠵᠢᠯ ᠤᠨ ᠪᠤᠯᠪᠠᠰᠤᠷᠠᠯ ᠭᠦᠷᠳᠡᠭᠡᠵᠤ᠂ ᠬᠤᠲᠠ ᠪᠠᠯᠭᠠᠰᠤᠨ ᠤ 1200 ᠬᠦᠮᠦᠨ ᠳᠤ ᠰᠢᠨ᠎ᠠ ᠪᠠᠷ ᠠᠵᠢᠯ ᠤᠯᠭᠤᠵᠤ᠂ 1900 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠯᠭᠤᠵᠤ᠂ ᠠᠵᠢᠯ ᠠᠯᠳᠠᠭᠰᠠᠳ ᠢ ᠲᠠᠩᠰᠠᠯᠠᠭᠤᠯᠤᠭᠰᠠᠨ ᠨᠤᠷᠮ᠎ᠠ ᠶᠢ 3.6%᠎ ᠶᠢᠨ ᠳᠤᠲᠤᠷ᠎ᠠ ᠬᠢᠵᠠᠭᠠᠷᠯᠠᠨ᠎ᠠ᠃ ᠲᠠᠪᠦ ᠳᠤ᠂《 ᠭᠤᠷᠪᠠᠨ ᠨᠢᠭᠡ 》᠎ ᠤᠨ ᠠᠷᠠᠳ ᠤᠨ ᠠᠮᠢᠳᠤᠷᠠᠯ ᠤᠨ ᠢᠨᠵᠧᠨᠧᠷᠢᠩ᠃ ᠦᠪᠡᠷᠳᠡᠭᠡᠨ ᠵᠠᠰᠠᠬᠤ ᠤᠷᠤᠨ ᠤ ᠲᠤᠤᠷ᠎ᠠ ᠤᠷᠤᠯᠭ᠎ᠠ ᠲᠠᠢ ᠮᠠᠯᠴᠢᠨ ᠲᠠᠷᠢᠶᠠᠴᠢᠨ ᠠᠶᠢᠯ ᠳᠤ 1 ᠲᠤᠨ《 ᠬᠠᠯᠠᠮᠵᠢ ᠶᠢᠨ ᠨᠡᠭᠦᠷᠡᠰᠦ》᠂ ᠲᠤᠤᠷ᠎ᠠ ᠪᠠᠲᠤᠯᠭᠠᠳᠦ ᠭᠡᠷ ᠪᠦᠯᠢ ᠶᠢᠨ ᠶᠡᠭᠡ ᠰᠤᠷᠭᠠᠭᠤᠯᠢ ᠶᠢᠨ ᠤᠶᠤᠳᠠᠨ ᠎ ᠳᠤ ᠵᠢᠯ ᠪᠦᠷᠢ 1 ᠲᠦᠮᠡᠨ ᠲᠦᠬᠦᠷᠢᠭ ᠤᠨ ᠰᠤᠷᠤᠯᠭ᠎ᠠ ᠲᠡᠳᠬᠦᠬᠦ ᠮᠦᠩᠭᠦ᠂ ᠬᠤᠲᠠ ᠪᠠᠯᠭᠠᠰᠤᠨ ᠤ ᠠᠵᠢᠯ ᠦᠭᠡᠢ ᠭᠡᠷ ᠪᠦᠯᠢ ᠶᠢᠨ ᠨᠢᠬᠡ ᠬᠦᠮᠦᠨ ᠳᠤ ᠲᠤᠭᠲᠠᠭᠤᠨ ᠢᠶᠠᠷ ᠠᠵᠢᠯ ᠤᠯᠭᠤᠬᠤ ᠭᠤᠷᠪᠠᠨ ᠵᠦᠢᠯ ᠤᠨ ᠠᠷᠠᠳ ᠤᠨ ᠠᠮᠢᠳᠤᠷᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠵᠢᠷᠭᠤᠭ᠎ᠠ ᠳᠤ᠂《 ᠡᠷᠡᠭᠦᠯ ᠴᠢᠭᠢᠷᠠᠭ ᠰᠢᠯᠤᠭᠤᠨ ᠴᠠᠭᠠᠨ ᠬᠤᠰᠢᠭᠤ》᠎ ᠶᠢ ᠪᠦᠲᠦᠭᠡᠨ ᠪᠠᠶᠢᠭᠤᠯᠬᠤ ᠢᠨᠵᠧᠨᠧᠷᠢᠩ᠃ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠵᠤᠬᠢᠬᠤ ᠨᠠᠰᠤᠨ ᠤ ᠬᠦᠮᠦᠰ ᠲᠤ ᠰᠦᠢᠳᠬᠡᠯ ᠬᠤᠷᠢᠶᠠᠬᠤ ᠦᠭᠡᠢ ᠪᠡᠶ᠎ᠡ ᠎ ᠶᠢᠨ ᠪᠠᠶᠢᠴᠠᠭᠠᠯᠲᠠ ᠬᠢᠬᠦ ᠢᠨᠵᠧᠨᠧᠷᠢᠩ ᠢ ᠦᠷᠭᠦᠯᠵᠢᠯᠡᠨ ᠭᠡᠷᠡᠭᠵᠢᠭᠦᠯᠵᠤ᠂ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠨᠤᠷᠮ᠎ᠠ ᠶᠢ 98%᠎ ᠠᠴᠠ ᠲᠡᠭᠡᠭᠰᠢ ᠲᠤᠭᠳᠠᠭᠤᠨ ᠪᠠᠶᠢᠯᠭᠠᠵᠤ᠂ 4000 ᠡᠷᠡᠭᠦᠯ ᠬᠠᠮᠠᠭᠠᠯᠠᠯ ᠤᠨ《 ᠪᠠᠭ᠎ᠠ ᠡᠮ ᠤᠨ ᠬᠠᠶᠢᠷᠴᠠᠭ 》᠎ ᠶᠢ ᠲᠠᠷᠬᠠᠭᠠᠵᠤ᠂ ᠪᠦᠬᠦᠨ ᠢ ᠪᠦᠷᠬᠦᠭᠦᠯᠬᠦ ᠶᠢ ᠪᠠᠲᠤᠯᠠᠨ᠎ᠠ᠃     ︵ᠵᠢᠷᠭᠤᠭ᠎ᠠ︶ ᠨᠡᠶᠢᠭᠡᠮ ᠤᠨ ᠦᠢᠯᠡᠰ ᠲᠠᠬᠢ ᠪᠡᠯᠡ ᠤᠷᠤᠭᠤᠯᠤᠯᠳᠠ ᠶᠢᠨ ᠬᠦᠴᠤᠯᠡᠴᠡ ᠪᠠᠨ ᠶᠡᠭᠡᠰᠭᠡᠵᠤ᠂ ᠤᠯᠠᠨ ᠨᠡᠶᠢᠳᠠ ᠶᠢᠨ ᠦᠢᠯᠡᠴᠢᠯᠡᠭᠡᠨ ᠤ ᠬᠢᠷᠢ ᠳᠦᠪᠰᠢᠨ ᠢᠶᠠᠨ ᠬᠦᠴᠤᠯᠡᠨ ᠳᠡᠭᠡᠭᠰᠢᠯᠡᠭᠦᠯᠥᠨ᠎ᠡ       — ᠰᠤᠷᠭᠠᠨ ᠬᠦᠮᠥᠵᠢᠯ ᠤᠨ ᠦᠢᠯᠡᠰ ᠢ ᠡᠩ ᠳᠡᠷᠢᠭᠦᠨ ᠳᠤ ᠬᠦᠭᠵᠢᠭᠦᠯᠥᠨ᠎ᠡ᠃ ᠤᠯᠤᠰ ᠤᠨ ᠠᠯᠪᠡᠨ ᠵᠢᠷᠥᠮ ᠤᠨ ᠰᠤᠷᠭᠠᠨ ᠬᠦᠮᠥᠵᠢᠯ ᠤᠨ ᠲᠡᠩᠴᠡᠭᠦᠷᠢ ᠲᠠᠢ ᠬᠦᠭᠵᠢᠯᠳᠡ ᠶᠢᠨ ᠦᠨᠡᠯᠡᠨ ᠬᠤᠷᠢᠶᠠᠬᠤ ᠠᠵᠢᠯ ᠢ ᠪᠡᠶᠡᠯᠡᠭᠦᠯᠥᠨ᠎ᠠ᠂ ᠦᠨᠳᠤᠰᠤᠨ ᠰᠤᠷᠭᠠᠨ ᠬᠦᠮᠥᠵᠢᠯ ᠤᠨ ᠶᠠᠰᠤ ᠴᠢᠨᠡᠷ ᠢ ᠳᠡᠭᠡᠭᠰᠢᠯᠡᠭᠦᠯᠬᠦ ᠭᠤᠷᠪᠠᠨ ᠵᠢᠯ ᠤᠨ ᠲᠦᠯᠥᠪᠵᠢᠭᠦᠯᠭᠡ ᠶᠢ ᠬᠢᠨᠡᠮᠠᠭᠠᠢ ᠲᠤᠤᠱᠯᠠᠭᠤᠯᠵᠤ᠂ ᠨᠢᠭᠡᠳᠥᠭᠡᠷ ᠹᠷᠥᠨᠲ ᠶᠢᠨ ᠪᠠᠭᠰᠢ ᠶᠢᠨ ᠡᠩᠨᠡᠭᠡᠨ ᠤ ᠠᠵᠢᠯ ᠤᠨ ᠪᠠᠶᠢᠷᠢ ᠶᠢᠨ ᠪᠦᠳᠥᠴᠡ ᠶᠢ ᠲᠤᠬᠢᠷᠠᠭᠤᠯᠤᠨ ᠰᠢᠯᠢᠳᠡᠭᠵᠢᠭᠦᠯᠵᠤ᠂ ᠪᠠᠭᠰᠢ ᠶᠢᠨ ᠡᠩᠨᠡᠭᠡᠨ ᠤ ᠴᠢᠨᠡᠷ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠵᠤ᠂ ᠰᠤᠷᠭᠠᠨ ᠬᠦᠮᠥᠵᠢᠯ ᠤᠨ ᠵᠢᠭᠠᠨ ᠰᠣᠷᠭᠠᠬᠤ ᠴᠢᠨᠠᠷ ᠴᠢᠨᠰᠠᠭ᠎ᠠ ᠶᠢ ᠬᠦᠴᠤᠯᠡᠨ ᠳᠡᠭᠡᠭᠰᠢᠯᠡᠭᠦᠯᠥᠨ᠎ᠡ᠃ ᠰᠤᠷᠬᠤ ᠨᠠᠰᠤᠨ ᠠᠴᠠ ᠡᠮᠥᠨᠡᠬᠢ ᠴᠡᠴᠡᠷᠯᠢᠭ ᠲᠤ ᠰᠭᠤᠬᠤ ᠨᠤᠷᠮ᠎ᠠ ᠶᠢ 93%᠎ ᠠᠴᠠ ᠳᠡᠭᠡᠭᠰᠢ ᠬᠦᠷᠭᠡᠵᠤ᠂ ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠬᠤᠪᠢᠨ ᠳᠤ ᠬᠦᠷᠭᠦ ᠨᠤᠷᠮ᠎ᠠ ᠶᠢ 48% ᠎ ᠠᠴᠠ ᠳᠡᠭᠡᠭᠰᠢ ᠬᠦᠷᠭᠡᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢᠨ ᠬᠦᠴᠤᠯᠠᠴᠡ ᠪᠠᠨ ᠨᠡᠮᠡᠭᠳᠡᠭᠦᠯᠵᠤ᠂ ᠵᠢᠯ ᠎ ᠳᠤ 32 ᠨᠡᠷ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠡᠯᠰᠡᠨ᠎ᠠ᠃ 100 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠭᠠᠳᠠᠨ᠎ᠠ ᠠᠴᠠ ᠮᠡᠷᠭᠡᠵᠢᠯ ᠤᠨ ᠪᠠᠭᠰᠢ ᠤᠷᠢᠬᠤ ᠪᠤᠯᠤᠨ ᠰᠢᠯᠢᠳᠡᠭ ᠪᠠᠭᠰᠢ ᠠᠵᠢᠯᠳᠠᠨ ᠶᠢ ᠬᠦᠬᠢᠭᠦᠯᠬᠦ ᠵᠢᠴᠢ  ᠪᠤᠯᠪᠠᠰᠤᠷᠠᠭᠤᠯᠬᠤ ᠳᠤ ᠵᠠᠷᠥᠴᠠᠭᠤᠯᠤᠨ᠎ᠠ᠃ ᠴᠠᠭᠠᠨᠨᠠᠭᠤᠷ ᠳᠤᠮᠳᠠᠳᠤ ᠰᠤᠷᠭᠠᠭᠤᠯᠢ ᠵᠡᠷᠭᠡ ᠳᠦᠷᠪᠡᠨ ᠰᠤᠷᠭᠠᠭᠤᠯᠢ ᠳᠤ ᠤᠰᠤ ᠪᠠᠷ ᠵᠠᠶᠢᠯᠠᠬᠤ ᠮᠠᠶ᠋ᠢᠭ ᠤᠨ 4 ᠵᠤᠷᠯᠥᠩ ᠢ ᠰᠢᠨ᠎ᠡ ᠪᠠᠷ ᠪᠤᠶᠤ ᠦᠭᠡᠷᠴᠢᠯᠡᠨ ᠪᠠᠶᠢᠭᠤᠯᠤᠨ᠎ᠠ᠃ ᠰᠢᠨ᠎ᠡ ᠪᠠᠷ ᠪᠤᠯᠠᠭᠠᠨᠲᠤᠬᠤᠢ ᠰᠤᠮᠤᠨ ᠤ ᠬᠡᠥᠭᠡᠳ ᠤᠨ ᠴᠡᠴᠡᠷᠯᠢᠭ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠠᠵᠢᠯᠯᠠᠭᠠᠨ ᠤ ᠭᠡᠷ᠂ ᠨᠢᠭᠡᠳᠥᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠥᠷ ᠢ ᠪᠠᠶᠢᠭᠤᠯᠤᠨ᠎ᠠ᠃ ᠮᠤᠩᠭᠤᠯ ᠦᠨᠳᠤᠰᠤᠲᠡᠨ ᠤ ᠬᠡᠥᠭᠡᠳ ᠤᠨ ᠴᠡᠴᠡᠷᠯᠢᠭ ᠤᠨ ᠲᠠᠮᠢᠷ ᠤᠷᠯᠢᠭ ᠤᠨ ᠬᠦᠳᠡᠯᠭᠡᠭᠡᠨ ᠤ ᠭᠡᠷ᠂ ᠮᠤᠩᠭᠤᠯ ᠳᠤᠮᠳᠠᠳᠤ ᠰᠤᠷᠭᠠᠭᠤᠯᠢ ᠶᠢᠨ ᠲᠠᠮᠢᠷ ᠤᠨ ᠤᠷᠳᠤᠨ᠂ ᠨᠢᠭᠡᠳᠥᠭᠡᠷ ᠪᠠᠭ᠎ᠠ ᠰᠤᠷᠭᠠᠭᠤᠯᠢ ᠶᠢᠨ ᠠᠵᠢᠯᠯᠠᠭᠠᠨ ᠤ ᠭᠡᠷ ᠪᠤᠯᠤᠨ ᠲᠤᠷᠰᠢᠯᠳᠠ ᠶᠢᠨ ᠭᠡᠷ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠥᠷ ᠎ ᠤᠨ ᠢᠨᠵᠧᠨᠧᠷᠢᠩ ᠢ ᠪᠠᠶᠡᠯᠡᠭᠦᠯᠥᠨ᠎ᠡ᠃     — ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠥᠨ᠎ᠡ᠃ ᠠᠯᠪᠡᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶᠠᠨ ᠤ ᠶᠠᠷᠥᠩᠬᠡᠶᠢᠯᠡᠭᠰᠡᠨ ᠦᠭᠡᠷᠡᠴᠢᠯᠡᠯᠳᠠ ᠶᠢ ᠪᠠᠳᠤᠳᠬᠠᠨ ᠭᠦᠨᠵᠡᠭᠡᠶᠢᠷᠡᠭᠦᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠤ᠂ ᠡᠮᠴᠢᠯᠡᠭᠡᠨ ᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠦᠨᠥ ᠵᠢᠯ ᠳᠤ ᠡᠮᠨᠡᠯᠭᠡ ᠶᠢᠨ ᠮᠡᠷᠭᠡᠵᠢᠯ ᠤᠨ ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠰᠤᠷᠤᠭᠴᠢ 21᠎ ᠶᠢ ᠡᠯᠡᠰᠴᠤ᠂ ᠵᠠᠰᠠᠭ ᠤᠨ ᠤᠷᠳᠤᠨ ᠠᠴᠠ ᠨᠡᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ ᠬᠤᠳᠠᠯᠳᠤᠨ ᠠᠪᠬᠤ ᠮᠠᠶ᠋ᠢᠭ ᠢᠶᠠᠷ 36 ᠰᠤᠪᠢᠯᠠᠭᠴᠢ ᠡᠯᠰᠠᠨ᠎ᠠ᠃ ᠦᠪᠥᠷ ᠮᠤᠩᠭᠤᠯ ᠤᠨ ᠡᠮᠨᠡᠯᠭᠡ ᠶᠢᠨ ᠬᠤᠷᠢᠶ᠎ᠠ᠂ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ᠂ ᠪᠤᠭᠤᠳᠤ ᠶᠢᠨ ᠬᠤᠶᠠᠳᠤᠭᠠᠷ ᠬᠠᠷᠢᠶᠠᠳᠤ ᠡᠮᠨᠡᠯᠭᠡ ᠶᠢᠨ ᠬᠤᠷᠢᠶ᠎ᠠ ᠯᠤᠭ᠎ᠠ ᠤᠨ ᠬᠠᠮᠵᠢᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠷᠥᠩᠭᠡᠢ ᠬᠢᠷᠢ ᠲᠦᠪᠰᠢᠨ ᠢ ᠲᠡᠭᠡᠭᠰᠢᠯᠡᠭᠦᠯᠥᠨ᠎ᠡ᠃ ᠮᠤᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠳᠠ ᠶᠢ ᠲᠦᠷᠭᠡᠳᠭᠡᠨ᠎ᠡ᠃ ᠦᠨᠥ ᠵᠢᠯ ᠰᠢᠨ᠎ᠡ ᠪᠠᠷ 8 ᠭᠠᠴᠠᠭ᠎ᠠ ᠲᠤᠰᠬᠤᠨ ᠤ ᠪᠡᠷᠢᠮᠵᠢᠶᠠᠵᠢᠭᠰᠠᠨ ᠡᠷᠭᠦᠯ ᠬᠠᠮᠠᠭᠠᠯᠠᠯ ᠤᠨ ᠲᠠᠰᠤᠭ ᠢ ᠪᠠᠶᠢᠭᠤᠯᠵᠤ᠂ ᠮᠤᠩᠭᠤᠯ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠠᠰᠠᠷ ᠤᠨ ᠪᠠᠶᠢᠭᠤᠯᠤᠯᠳᠠ ᠶᠢᠨ ᠢᠨᠵᠧᠨᠧᠷᠢᠩ ᠢ ᠡᠬᠢᠯᠡᠭᠦᠯᠵᠤ᠂ ᠵᠡᠮᠳᠡᠭᠴᠤᠳ ᠤᠨ ᠨᠡᠶᠢᠭᠡᠮᠯᠢᠭ ᠎ ᠤᠨ ᠡᠷᠡᠭᠦᠯᠵᠢᠯ ᠤᠨ ᠲᠦᠪ ᠤᠨ ᠪᠠᠶᠢᠭᠤᠯᠤᠯᠳᠠ ᠶᠢᠨ ᠢᠨᠵᠧᠨᠧᠷᠢᠩ ᠢ ᠡᠬᠢᠯᠡᠭᠦᠯᠵᠤ᠂ 3 ᠡᠷᠡᠭᠦᠯ ᠬᠠᠮᠠᠭᠠᠯᠠᠯ ᠤᠨ ᠬᠤᠷᠢᠶ᠎ᠠ ᠪᠤᠯᠤᠨ 2 ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠳᠠᠨ ᠤ ᠭᠡᠷ ᠢ ᠰᠢᠨ᠎ᠡ ᠪᠠᠷ ᠪᠤᠶᠤ ᠦᠷᠭᠡᠳᠬᠡᠨ ᠪᠠᠶᠢᠭᠤᠯᠤᠨ᠎ᠠ᠃ ᠬᠤᠶᠠᠷ ᠬᠡᠥᠭᠡᠳ ᠠᠪᠬᠤ ᠲᠦᠷᠥ ᠶᠢᠨ ᠪᠤᠳᠤᠯᠭ᠎ᠠ ᠶᠢ ᠪᠦᠭᠦ ᠲᠡᠯ᠎ᠡ ᠪᠠᠷ ᠭᠡᠷᠡᠭᠵᠢᠭᠦᠯᠵᠤ᠂ ᠲᠦᠯᠥᠪᠯᠡᠭᠡᠲᠤ ᠦᠷᠡᠵᠢᠯ ᠤᠨ ᠡᠯ᠎ᠡ ᠲᠦᠷᠥᠯ ᠤᠨ ᠬᠠᠷᠭᠠᠯᠵᠠᠯ ᠤᠨ ᠲᠦᠷᠥ ᠶᠢᠨ ᠪᠤᠳᠤᠯᠭ᠎ᠠ ᠶᠢ ᠭᠡᠷᠡᠭᠵᠢᠭᠦᠯᠵᠤ᠂ ᠰᠢᠯᠢᠳᠡᠭ ᠲᠦᠷᠥᠵᠤ ᠰᠠᠶᠢᠬᠠᠨ ᠦᠰᠭᠡᠭᠦ ᠦᠢᠯᠡᠴᠢᠯᠡᠭᠡ ᠶᠢ ᠦᠷᠨᠢᠭᠦᠯᠵᠤ᠂ ᠰᠢᠨ᠎ᠡ ᠬᠦᠮᠥᠨ ᠠᠮᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠥᠨ᠎ᠡ᠃     — ᠰᠤᠶᠤᠯ ᠲᠠᠮᠢᠷ ᠤᠨ ᠦᠢᠯᠡᠰ ᠢ ᠦᠷᠨᠢᠭᠦᠨ ᠬᠦᠭᠵᠢᠭᠦᠯᠥᠨ᠎ᠠ᠃ ᠰᠤᠶᠤᠯ ᠲᠡᠮᠢᠷ ᠤᠨ ᠦᠢᠯᠡᠰ ᠤᠨ ᠬᠦᠭᠵᠢᠯᠳᠠ ᠶᠢ ᠲᠡᠮᠵᠢᠬᠦ ᠡᠷᠴᠢᠮ ᠢᠶᠠᠨ ᠶᠡᠭᠡᠰᠬᠡᠵᠤ᠂ ᠦᠷᠭᠦᠯᠵᠢᠯᠡᠨ ᠡᠯ᠎ᠡ ᠲᠦᠷᠥᠯ ᠤᠨ ᠠᠷᠠᠳ ᠲᠤ ᠲᠦᠭᠦᠮ ᠦᠵᠡᠭᠦᠯᠬᠦ ᠢᠨᠵᠧᠨᠧᠷᠢᠩ ᠢ ᠭᠡᠷᠡᠭᠵᠢᠭᠦᠯᠵᠤ᠂ ᠰᠤᠶᠤᠯ ᠲᠡᠮᠢᠷ ᠤᠨ ᠦᠢᠯᠡᠰ ᠤᠨ ᠦᠨᠳᠤᠰᠤᠨ ᠲᠦᠭᠦᠭᠡᠷᠥᠮᠵᠢ ᠶᠢᠨ ᠪᠦᠳᠥᠭᠡᠨ ᠪᠠᠶᠢᠭᠤᠯᠤᠯᠳᠠ ᠶᠢ ᠴᠢᠩᠭᠠᠳᠬᠠᠵᠤ᠂ 5 ᠭᠠᠴᠠᠭ᠎ᠠ ᠲᠤᠰᠬᠤᠨ ᠳᠤ ᠰᠤᠶᠥᠯ ᠤᠨ ᠬᠦᠳᠡᠯᠭᠡᠭᠡᠨ ᠤ ᠭᠡᠷᠡᠭᠰᠡᠯ ᠢ ᠲᠤᠬᠢᠷᠠᠭᠤᠯᠵᠤ᠂ ᠤᠯᠠᠨ ᠲᠦᠮᠡᠨ ᠤ ᠤᠶᠤᠨ ᠤ ᠪᠤᠯᠪᠠᠰᠤᠨ ᠤ ᠬᠡᠷᠡᠭᠴᠡᠭᠡ ᠶᠢ ᠬᠠᠩᠭᠠᠨ᠎ᠠ᠃ ᠳᠡᠭᠡᠳᠤ ᠱᠠᠳᠤᠨ ᠠᠴᠠ ᠢᠳᠡᠪᠭᠢᠲᠡᠢ ᠪᠠᠷ ᠬᠠᠮᠢᠶ᠎ᠠ ᠪᠦᠬᠦᠢ ᠲᠦᠷᠥᠯ ᠵᠦᠢᠯ ᠢ ᠴᠢᠷᠮᠠᠶᠢᠨ ᠤᠯᠵᠤ᠂ ᠨᠠᠰᠤᠳᠠᠶᠢᠴᠤᠳ ᠤᠨ ᠡᠭᠦᠳᠡᠨ ᠪᠦᠮᠪᠦᠭᠡ ᠶᠢᠨ ᠤᠷᠳᠤᠨ᠂ ᠤᠯᠠᠭᠠᠨᠮᠦᠴᠢᠷ ᠤᠨ ᠪᠤᠯᠪᠠᠰᠤᠷᠠᠯ ᠤᠨ ᠲᠢᠩᠭᠢᠮ ᠢ ᠡᠬᠢᠯᠡᠨ ᠪᠠᠶᠢᠭᠤᠯᠵᠤ᠂ ᠺᠢᠨᠣ᠋ ᠲᠢᠶᠠᠲᠷ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠪ ᠵᠡᠷᠭᠡ ᠢᠨᠵᠧᠨᠧᠷᠢᠩ ᠤᠨ ᠪᠦᠳᠤᠭᠡᠨ ᠪᠠᠶᠢᠭᠤᠯᠤᠯᠳᠠ ᠎ ᠶᠢᠨ ᠡᠮᠦᠨ᠎ᠡ ᠬᠤᠭᠤᠴᠠᠭᠠᠨ ᠤ ᠠᠵᠢᠯ ᠢ ᠡᠬᠢᠯᠡᠭᠦᠯᠵᠤ᠂ ᠪᠦᠷᠢᠳᠤ ᠶᠢᠨ ᠰᠦᠮ᠎ᠡ ᠶᠢ ᠵᠠᠰᠠᠨ ᠰᠡᠯᠪᠢᠬᠦ ᠢᠨᠵᠧᠨᠧᠷᠢᠩ ᠎ ᠢ ᠡᠬᠢᠯᠡᠭᠦᠯᠥᠨ᠎ᠡ᠃ ᠭᠡᠷᠡᠯ ᠵᠢᠷᠤᠭ ᠰᠡᠭᠦᠳᠡᠷᠯᠡᠬᠦ᠂ ᠤᠷᠠᠨ ᠵᠢᠷᠤᠭ᠂ ᠤᠳᠬ᠎ᠠ ᠵᠤᠬᠢᠶᠠᠯ ᠵᠡᠷᠭᠡ ᠨᠡᠶᠢᠭᠡᠮ ᠤᠨ ᠪᠦᠯᠬᠦᠮ ᠪᠤᠯᠤᠨ ᠡᠯ᠎ᠡ ᠲᠦᠷᠥᠯ ᠤᠨ ᠺᠯᠥᠪ ᠤᠨ ᠦᠢᠯᠡᠳᠤᠯ ᠢ ᠭᠦᠢᠴᠡᠳ ᠪᠠᠳᠠᠷᠠᠭᠤᠯᠵᠤ᠂ ᠰᠢᠯᠤᠭᠤᠨ ᠬᠦᠪᠡᠭᠡᠳᠤ ᠴᠠᠭᠠᠨ ᠬᠤᠰᠢᠭᠤ ᠪᠠᠶᠢᠭᠤᠯᠤᠭᠳᠠᠭᠰᠠᠨ 60 ᠵᠢᠯ ᠤᠨ ᠤᠢ ᠵᠢᠴᠢ ᠠᠷᠪᠠᠨ ᠭᠤᠷᠪᠠᠳᠤᠭᠠᠷ ᠤᠳᠠᠭᠠᠨ ᠤ ᠨᠠᠭᠠᠳᠤᠮ᠂ ᠬᠤᠯᠠᠨ ᠰᠢᠷᠭ᠎ᠠ ᠳᠠᠭ᠎ᠠ ᠶᠢᠨ ᠡᠯᠡᠰᠤᠨ ᠤ ᠭᠡᠭᠡᠷᠡᠯᠡᠬᠦ ᠤᠷᠤᠯᠳᠤᠭᠠᠨ᠂ ᠤᠷᠠᠨ ᠪᠢᠴᠢᠯᠭᠡ᠂  ᠤᠷᠠᠨ ᠵᠢᠷᠤᠭ᠂ ᠭᠡᠷᠡᠯ ᠵᠢᠷᠤᠭ ᠰᠡᠭᠦᠳᠡᠷᠯᠡᠬᠦ ᠵᠡᠷᠭᠡ ᠰᠢᠷᠢᠰ ᠬᠦᠳᠡᠯᠭᠡᠭᠡᠨ ᠢ ᠢᠳᠡᠪᠬᠢᠳᠡᠢ ᠪᠡᠯᠡᠳᠬᠡᠵᠤ᠂ ᠦᠷᠭᠦᠯᠵᠢᠯᠡᠨ ︽ᠭᠤᠷᠪᠠᠨ ᠳᠠᠬᠢᠯᠭ᠎ᠠ︾᠂ ︽ᠰᠤᠶᠤᠯ ᠤᠨ ᠲᠤᠮᠤ ᠲᠠᠪᠴᠠᠩ︾ ᠪᠤᠯᠤᠨ ︽ᠠᠭᠤᠳᠠᠮ ᠲᠠᠯᠠᠪᠠᠢ ᠶᠢᠨ ᠰᠤᠶᠣᠯ ᠤᠨ ᠨᠠᠶᠢᠷ︾ ᠵᠡᠷᠭᠡ ᠰᠤᠶᠤᠯ ᠤᠨ ᠬᠦᠳᠡᠯᠭᠡᠭᠡᠨ ᠪᠤᠯᠤᠨ ᠡᠯ᠎ᠡ ᠲᠦᠷᠥᠯ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠢ ᠰᠠᠶᠢᠳᠤᠷ ᠬᠢᠨ᠎ᠡ᠃ ᠰᠤᠶᠤᠯ ᠤᠨ ᠲᠤᠷᠠᠰᠬᠠᠯᠳᠤ ᠵᠤᠶᠢᠯ ᠪᠤᠯᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠤ ᠪᠠ ᠬᠠᠮᠠᠭᠠᠯᠠᠬᠤ ᠶᠢ ᠴᠢᠩᠭᠠᠳᠬᠠᠨ᠎ᠠ᠃ ᠰᠢᠷᠢᠰ ᠹᠢᠯᠢᠮ ︽ᠴᠠᠬᠠᠷ ᠬᠤᠷᠢᠮ︾᠎ ᠤᠨ ᠣᠭ ᠨᠤᠤᠷᠠᠭ ᠢ ᠲᠤᠭᠤᠷᠪᠢᠬᠤ ᠠᠵᠢᠯ ᠢ ᠭᠦᠢᠴᠡᠳᠭᠡᠵᠤ᠂  ᠦᠨᠥ ᠵᠢᠯ ᠵᠢᠷᠥᠭ᠌ᠯᠠᠨ ᠦᠢᠯᠡᠳᠬᠦ ᠪᠠᠷ ᠴᠢᠷᠮᠠᠶᠢᠨ᠎ᠠ᠃ ᠪᠤᠯᠪᠠᠰᠤᠨ ᠪᠠᠶᠢᠭᠤᠯᠭ᠎ᠠ᠂ ᠪᠤᠯᠪᠠᠰᠤᠨ ᠲᠤᠰᠬᠤᠨ ᠪᠠᠯᠭᠠᠰᠤ ᠶᠢ ᠡᠭᠦᠳᠤᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠦᠷᠨᠢᠭᠦᠯᠵᠤ᠂ ᠨᠡᠶᠢᠭᠡᠮ ᠨᠡᠶᠢᠲᠡ ᠶᠢᠨ ᠶᠤᠰᠤ ᠮᠤᠷᠠᠯ᠂ ᠭᠡᠷ ᠤᠨ ᠰᠠᠶᠢᠨ ᠰᠠᠶᠢᠬᠠᠨ ᠰᠤᠷᠳᠠᠯ ᠢ ᠶᠡᠭᠡᠪᠡᠷ ᠤᠬᠠᠭᠤᠯᠵᠤ᠂ ᠭᠡᠷ ᠪᠦᠯᠢ ᠶᠢᠨ ᠡᠶ᠎ᠡ ᠨᠠᠶᠢᠷᠠᠮᠳᠠᠭᠤ ᠶᠢ ᠠᠬᠢᠭᠤᠯᠵᠤ᠂ ᠦᠢ ᠲᠦᠮᠡᠨ ᠭᠡᠷ ᠪᠦᠯᠢ ᠶᠢ ᠨᠡᠶᠢᠭᠡᠮ ᠤᠨ ᠡᠶ᠎ᠡ ᠨᠠᠶᠢᠷᠠᠮᠳᠠᠭᠤ ᠪᠠᠶᠢᠬᠤ ᠶᠢᠨ  ᠦᠨᠳᠤᠰᠤᠨ ᠴᠡᠭ ᠪᠤᠯᠭᠠᠨ᠎ᠠ᠃           — ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠥᠨ᠎ᠡ᠃ ᠨᠠᠮ ᠤᠨ ᠦᠨᠳᠤᠰᠤᠳᠡᠨ ᠤ ᠲᠦᠷᠥ ᠎ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠥᠷᠢᠵᠢᠭᠤᠯᠵᠤ᠂ ᠪᠦᠬᠦ ᠨᠠᠶᠢᠭᠡᠮ ᠤᠨ ᠦᠨᠳᠤᠰᠤᠳᠡᠨ ᠤ ᠪᠦᠯᠬᠦᠮᠳᠡᠯ ᠳᠡᠪᠰᠢᠯᠳᠠ ᠶᠢᠨ ᠬᠦᠮᠥᠵᠢᠯ ᠢ ᠬᠦᠴᠤᠯᠡᠨ ᠴᠢᠩᠭᠠᠳᠬᠠᠵᠤ᠂ ᠮᠤᠩᠭᠤᠯ ᠦᠭᠡ ᠬᠡᠯᠡ ᠦᠰᠥᠭ ᠪᠢᠴᠢᠭ ᠤᠨ ᠬᠡᠷᠡᠭᠯᠡᠭᠡ ᠶᠢ ᠲᠦᠷᠢᠮᠵᠢᠭᠦᠯᠬᠦ ᠬᠢᠨᠠᠨ ᠬᠠᠮᠢᠶᠠᠷᠠᠬᠤ ᠬᠦᠴᠥᠯᠡᠴᠡ ᠪᠠᠨ ᠴᠢᠩᠭᠠᠳᠬᠠᠵᠤ᠂ ᠨᠠᠮ ᠤᠨ ᠱᠠᠰᠢᠨ ᠰᠤᠷᠳᠠᠬᠤᠨ ᠤ ᠠᠵᠢᠯ ᠤᠨ ᠦᠨᠳᠤᠰᠤᠨ ᠴᠢᠭᠯᠡᠯᠳᠠ ᠶᠢ ᠪᠦᠬᠦ ᠲᠠᠯ᠎ᠠ ᠪᠠᠷ ᠳᠤᠤᠱᠯᠠᠭᠤᠯᠵᠤ᠂ ᠱᠠᠰᠢᠨ ᠰᠤᠷᠲᠠᠬᠤᠨ ᠎ ᠤ ᠬᠦᠮᠥᠰ ᠪᠤᠯᠤᠨ ᠱᠠᠰᠢᠨ ᠰᠢᠳᠥᠭᠰᠡᠳ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤᠮᠳᠠᠬᠢ ᠢᠳᠡᠪᠬᠢᠳᠡᠢ ᠦᠢᠯᠡᠳᠥᠯ ᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠪᠤᠯᠪᠡᠰᠤᠨ ᠰᠢᠶᠠᠨ ᠬᠤᠳᠠ ᠶᠢ ᠪᠠᠶᠢᠭᠤᠯᠬᠤ ᠰᠠᠭᠤᠷᠢ ᠪᠠᠨ ᠦᠷᠭᠦᠯᠵᠢᠯᠡᠨ ᠪᠠᠬᠢᠵᠢᠭᠦᠯᠥᠨ᠎ᠠ᠃ ︽ᠠᠮᠥᠭᠤᠯᠠᠩ ᠰᠢᠯᠤᠭᠤᠨ ᠴᠠᠭᠠᠨ︾᠎ ᠤ ᠪᠦᠳᠥᠭᠡᠨ ᠪᠠᠶᠢᠭᠤᠯᠤᠯᠳᠠ ᠶᠢ ᠭᠦᠨᠵᠡᠭᠡᠢ ᠠᠬᠢᠭᠤᠯᠵᠤ᠂ ᠵᠦᠷᠢᠴᠡᠯ ᠢ ᠠᠷᠢᠯᠭᠠᠬᠤ ᠪᠤᠯᠤᠨ ᠨᠡᠶᠢᠭᠡᠮ ᠤᠨ ᠠᠮᠤᠷ ᠳᠤᠭᠳᠠᠭᠤᠨ ᠤ ᠦᠨᠡᠯᠡᠯᠳᠠ ᠶᠢ ᠴᠢᠩᠭᠠᠳᠬᠠᠵᠤ᠂ ᠨᠠᠶᠢᠭᠡᠮ ᠤᠨ ᠠᠮᠥᠷ ᠳᠤᠭᠳᠠᠭᠤᠨ ᠢ ᠡᠵᠡᠮᠰᠢᠨ ᠬᠠᠮᠢᠶᠠᠷᠥᠬᠤ ᠰᠢᠰᠲ᠋ᠧᠮ ᠢ ᠪᠦᠷᠢᠨᠰᠢᠭᠦᠯᠵᠤ᠂ ᠨᠡᠶᠢᠭᠡᠮ ᠤᠨ ᠵᠠᠰᠠᠯᠳᠠ ᠶᠢᠨ ᠲᠤᠭᠠᠴᠠᠯᠠᠭᠰᠡᠨ ᠪᠦᠳᠥᠭᠡᠨ ᠪᠠᠶᠢᠭᠤᠯᠤᠯᠳᠠ ᠤᠨ ᠢᠨᠵᠧᠨᠧᠷᠢᠩ ᠢ ᠭᠤᠤᠯᠳᠠᠯᠭ᠎ᠠ ᠲᠠᠢ ᠠᠳᠬᠤᠨ᠎ᠠ᠃ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠪᠤᠯᠤᠨ ᠤᠳᠤᠷᠢᠳᠤᠯᠭ᠎ᠠ ᠠᠴᠠ ᠲᠤᠭᠳᠠᠭᠰᠠᠨ ᠬᠤᠭᠤᠴᠠᠭ᠎ᠠ ᠲᠠᠢ ᠪᠠᠷ ᠵᠠᠭᠢᠳᠠᠯ ᠰᠤᠷᠪᠤᠯᠵᠢᠯᠠᠭ᠎ᠠ ᠶᠢ ᠬᠦᠯᠢᠶᠡᠨ ᠰᠢᠢᠳᠪᠥᠷᠢᠯᠡᠬᠦ ᠲᠦᠷᠢᠮ ᠢ ᠬᠢᠨᠠᠮᠠᠭᠠᠢ ᠨᠠᠶᠢᠳᠠᠪᠥᠷᠢᠵᠢᠭᠤᠯᠵᠤ᠂ ᠤᠯᠠᠨ ᠲᠦᠮᠡᠨ ᠤ ᠵᠠᠭᠠᠯᠳᠤᠯᠭ᠎ᠠ ᠭᠤᠶᠤᠴᠢᠯᠠᠯ ᠢ ᠬᠠᠤᠯᠢ ᠪᠠᠷ ᠴᠠᠭ ᠲᠤᠬᠠᠢ ᠳᠤᠨᠢ ᠰᠢᠢᠳᠪᠦᠷᠢᠯᠡᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠨ᠎ᠠ᠃ᠨᠡᠶᠢᠭᠡᠮ ᠤᠨ ᠠᠮᠥᠷ ᠢ ᠬᠠᠮᠠᠭᠠᠯᠠᠬᠤ ᠶᠡᠷᠥᠩᠭᠡᠶᠢᠯᠡᠭᠰᠡᠨ ᠵᠠᠰᠠᠯᠳᠠ ᠶᠢ ᠴᠢᠩᠭᠠᠳᠬᠠᠵᠤ᠂ ᠡᠯ᠎ᠡ ᠲᠦᠷᠥᠯ ᠎ ᠤᠨ ᠬᠠᠤᠯᠢ ᠴᠠᠭᠠᠵᠠ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠡ᠃ ᠠᠶᠥᠯᠭᠦᠢ ᠦᠢᠯᠡᠳᠪᠥᠷᠢᠯᠡᠯ ᠤᠨ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠥᠷᠢᠵᠢᠭᠤᠯᠵᠤ᠂ ︽ᠨᠠᠮ ᠵᠠᠰᠠᠭ ᠬᠠᠮᠳᠤ ᠪᠠᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ᠂ ᠲᠤᠰᠢᠶᠠᠯ ᠢᠶᠠᠨ ᠤᠰᠤᠯᠳᠤᠪᠠᠯ ᠬᠠᠷᠢᠭᠤᠴᠠᠯᠭ᠎ᠠ ᠨᠡᠬᠡᠮᠵᠢᠯᠡᠬᠦ︾ ᠪᠤᠯᠤᠨ ︽ᠠᠵᠢᠯ ᠲᠦᠷᠥᠯ ᠤᠨ ᠬᠢᠨ ᠢ ᠬᠠᠮᠢᠶᠠᠷᠠᠬᠤ ᠳᠤ ᠡᠷᠬᠡᠪᠡᠰᠢ ᠠᠮᠥᠷ ᠲᠦᠪᠰᠢᠨ ᠢ ᠬᠠᠮᠢᠶᠠᠷᠠᠬᠤ᠂ ᠲᠤᠬᠠᠶᠢᠯᠠᠭᠰᠠᠨ ᠠᠵᠢᠯ ᠢ ᠬᠠᠮᠢᠶᠠᠷᠠᠬᠤ ᠳᠤ ᠡᠷᠬᠡᠪᠡᠰᠢ ᠠᠮᠥᠷ ᠲᠦᠪᠰᠢᠨ ᠶᠢ ᠬᠠᠮᠢᠶᠠᠷᠠᠬᠤ᠂ ᠦᠢᠯᠡᠳᠪᠥᠷᠢᠯᠡᠯ ᠢ ᠬᠠᠮᠢᠶᠠᠷᠬᠤ ᠳᠤ ᠡᠷᠬᠡᠪᠡᠰᠢ ᠠᠮᠥᠷ ᠲᠦᠪᠰᠢᠨ ᠶᠢ ᠬᠠᠮᠢᠶᠠᠷᠠᠬᠤ︾ ᠶᠡᠷᠥᠩᠭᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠥᠷᠢᠵᠢᠭᠤᠯᠵᠤ᠂ ᠡᠯ᠎ᠡ ᠵᠦᠢᠯ ᠎ ᠤᠨ ᠠᠳᠠᠯ ᠭᠠᠷᠬᠤ ᠶᠢ ᠪᠦᠳᠥᠮᠵᠢᠳᠡᠢ ᠰᠡᠷᠭᠡᠶᠢᠯᠡᠨ᠎ᠠ᠃ ᠤᠯᠠᠨ ᠨᠡᠶᠢᠳᠡ ᠶᠢᠨ ᠠᠮᠥᠷ ᠲᠦᠪᠰᠢᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ᠂ ᠤᠯᠠᠨ ᠨᠡᠶᠢᠳᠡ ᠶᠢᠨ ᠭᠡᠨᠡᠳᠳᠠ ᠶᠢᠨ ᠠᠳᠡᠯ ᠤᠨ ᠪᠠᠴᠢᠮ ᠪᠠᠶᠢᠳᠡᠯ ᠢ ᠠᠷᠭᠠᠴᠠᠬᠤ ᠴᠢᠳᠡᠪᠥᠷᠢ ᠪᠠᠨ ᠳᠡᠭᠡᠭᠰᠢᠯᠡᠭᠦᠯᠥᠨ᠎ᠡ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ ᠪᠤᠯᠤᠨ ᠪᠡᠯᠡᠳᠭᠡᠯ ᠬᠦᠴᠤᠨ ᠤ ᠪᠦᠳᠥᠭᠡᠨ ᠪᠠᠶᠢᠭᠤᠯᠤᠯᠳᠠ ᠶᠢ ᠴᠢᠩᠭᠠᠳᠬᠠᠵᠤ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾᠎ ᠶᠢ ᠪᠦᠳᠥᠭᠡᠨ ᠪᠠᠶᠢᠭᠤᠯᠤᠭᠰᠠᠨ ᠦᠷ᠎ᠡ ᠪᠦᠳᠥᠭᠡᠯ ᠢᠶᠠᠨ ᠪᠠᠳᠤᠳᠬᠠᠵᠤ᠂ ᠴᠡᠷᠢᠭ ᠠᠷᠠᠳ ᠤᠨ ᠨᠢᠭᠳᠠ ᠤᠶᠠᠯᠳᠤᠯ ᠢ ᠠᠬᠢᠭᠤᠯᠤᠨ᠎ᠠ᠃ ︽ᠬᠠᠤᠯᠢᠵᠢᠭᠰᠡᠨ ᠰᠢᠯᠤᠭᠤᠨ ᠴᠠᠭᠠᠨ︾᠎ ᠤ ᠪᠦᠳᠥᠭᠡᠨ ᠪᠠᠶᠢᠭᠤᠯᠤᠯᠳᠠ ᠶᠢ ᠤᠯᠠᠮ ᠠᠬᠢᠭᠤᠯᠵᠤ᠂ ︽ᠳᠤᠯᠤᠭ᠎ᠠ ᠲᠠᠪᠤ ᠶᠢᠨ︾ ᠬᠠᠤᠯᠢ ᠲᠦᠭᠡᠮᠡᠯᠵᠢᠯᠡᠭᠦᠯᠬᠦ ᠶᠢ ᠡᠬᠢᠯᠡᠭᠦᠯᠵᠤ᠂ ᠬᠠᠤᠯᠢ ᠴᠠᠭᠠᠵᠠ ᠶᠢᠨ ︽ᠵᠢᠷᠭᠤᠭ᠎ᠠ ᠶᠢ ᠤᠷᠤᠭᠤᠯᠬᠤ︾ ᠠᠵᠢᠯᠯᠠᠭ᠎ᠠ ᠶᠢ ᠶᠠᠪᠥᠭ᠌ᠳᠠᠭᠤᠯᠵᠤ᠂ ᠰᠢᠨ᠎ᠡ ᠬᠡᠯᠪᠡᠷᠢ ᠶᠢᠨ ᠵᠠᠭᠤᠯᠴᠢᠯᠠᠭᠤᠷ ᠢ ᠰᠠᠶᠢᠳᠤᠷ ᠠᠰᠢᠭᠯᠠᠨ ᠰᠠᠶᠢᠳᠤᠷ ᠬᠠᠮᠢᠶᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠲᠦᠷᠭᠡᠨ ᠲᠤᠰᠬᠠᠯ ᠪᠤᠯᠤᠨ ᠨᠡᠪᠳᠡᠷᠡᠯᠴᠡᠭᠡᠨ ᠤ ᠲᠦᠷᠢᠮ ᠢ ᠪᠠᠶᠢᠭᠤᠯᠵᠤ᠂ ᠶᠠᠷᠢᠶ᠎ᠠ ᠬᠡᠯᠡᠯᠴᠡᠭᠡ ᠶᠢ ᠬᠦᠳᠥᠯᠥᠨ ᠳᠠᠭᠠᠭᠤᠯᠬᠤ ᠴᠢᠳᠠᠪᠥᠷᠢ ᠪᠤᠯᠤᠨ ᠬᠠᠤᠯᠢ ᠶᠤᠰᠤᠭᠠᠷ ᠬᠠᠮᠢᠶᠠᠷᠬᠤ ᠲᠦᠪᠰᠢᠨ ᠢᠶᠠᠨ ᠳᠡᠭᠡᠭᠰᠢᠯᠡᠭᠦᠯᠥᠨ᠎ᠠ᠃ ᠬᠦᠯᠥᠰᠤᠨ ᠠᠵᠢᠯᠴᠢᠨ ᠎ ᠤ ᠴᠠᠯᠢᠩ ᠬᠦᠯᠥᠰᠤ ᠶᠢᠨ ᠪᠠᠳᠤᠯᠠᠭᠠᠨ ᠤ ᠲᠦᠷᠢᠮ ᠢ ᠴᠢᠩᠭ᠎ᠠ ᠭᠡᠷᠡᠭᠵᠢᠭᠦᠯᠵᠤ᠂ ᠬᠦᠯᠥᠰᠤᠨ ᠠᠵᠢᠯᠴᠢᠨ ᠤ ᠴᠠᠯᠢᠩ ᠬᠦᠯᠥᠰᠤ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠤᠯᠭᠤᠨ᠎ᠠ᠃     ᠡᠮᠡᠭᠳᠡᠶᠢᠴᠤᠳ ᠪᠠᠭᠠᠴᠤᠤᠯ᠂ ᠵᠡᠮᠳᠡᠭᠴᠤᠤᠯ ᠤᠨ ᠪᠠᠲᠤᠯᠠᠭ᠎ᠠ ᠪᠤᠯᠤᠨ ᠦᠨᠳᠤᠷ ᠨᠠᠰᠤᠳᠠᠶᠢᠴᠤᠳ ᠤᠨ ᠦᠢᠯᠡᠰ ᠎ ᠢ ᠦᠷᠭᠦᠯᠵᠢᠯᠡᠨ ᠬᠠᠯᠠᠮᠵᠢᠯᠠᠵᠤ᠂ ᠠᠵᠢᠯᠳᠠᠨ ᠤ ᠡᠪᠯᠡᠯ᠂ ᠡᠪ ᠬᠠᠮᠳᠤ ᠵᠠᠯᠠᠭᠤᠴᠤᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠢ ᠬᠦᠴᠥᠳᠠᠢ ᠳᠡᠮᠵᠢᠵᠤ᠂ ᠴᠠᠭ ᠠᠭᠤᠷ᠂ ᠳᠠᠩᠰᠠ ᠡᠪᠬᠡᠮᠡᠯ ᠲᠡᠥᠬᠡ ᠤᠶᠢᠯᠠᠯᠭ᠎ᠠ ᠵᠠᠷᠭᠡ ᠨᠠᠶᠢᠭᠡᠮ ᠤᠨ ᠦᠢᠯᠡᠰ ᠤᠨ ᠬᠦᠭᠵᠢᠯᠳᠠ ᠶᠢ ᠨᠢᠭᠡᠳᠥᠯᠳᠠᠢ ᠲᠦᠯᠥᠪᠯᠡᠨ ᠬᠦᠭᠵᠢᠭᠦᠯᠥᠨ᠎ᠠ᠃     ︵ᠲᠤᠯᠤᠭ᠎ᠠ︶ ᠦᠭᠡᠷᠡᠴᠢᠯᠡᠯᠳᠠ ᠨᠡᠭᠡᠭᠡᠯᠳᠠ ᠶᠢ ᠭᠦᠨᠵᠡᠭᠡᠢ ᠠᠬᠢᠭᠤᠯᠵᠤ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠨ᠎ᠠ     — ᠵᠠᠰᠠᠭ ᠵᠠᠬᠢᠷᠭᠠᠨ ᠤ ᠬᠠᠮᠢᠶᠠᠷᠥᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠭᠦᠨᠵᠡᠭᠡᠶᠢᠷᠡᠭᠦᠯᠥᠨ᠎ᠠ᠃ ᠡᠯ᠎ᠡ ᠲᠦᠷᠥᠯ ᠤᠨ ᠦᠭᠡᠷᠡᠴᠢᠯᠡᠯᠳᠠ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠥᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠳᠠ ᠶᠢᠨ ᠲᠦᠷᠢᠮ ᠤᠨ ᠦᠭᠡᠷᠡᠴᠢᠯᠡᠯᠳᠠ ᠶᠢ ᠤᠯᠠᠮ ᠭᠦᠨᠵᠡᠭᠡᠶᠢᠷᠡᠭᠦᠯᠵᠤ᠂ ᠡᠷᠭᠡ ᠶᠢᠨ ᠨᠠᠷᠢᠨ ᠳᠡᠩᠰᠠ ᠶᠢ ᠪᠦᠬᠦ ᠲᠠᠯ᠎ᠠ ᠪᠠᠷ ᠰᠢᠯᠤᠭᠤᠳᠬᠠᠵᠤ᠂ ᠡᠷᠭᠡ ᠶᠢᠨ ᠬᠢᠵᠠᠭᠠᠷᠯᠠᠯ ᠎ ᠢ ᠲᠤᠳᠤᠷᠬᠠᠶᠢᠯᠠᠨ᠎ᠠ᠃ ᠦᠯᠥ ᠬᠦᠳᠡᠯᠬᠦ ᠬᠦᠷᠥᠩᠭᠡ ᠶᠢ ᠨᠢᠭᠡᠳᠥᠯᠳᠠᠢ ᠳᠡᠩᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠥᠨ᠎ᠠ᠃ ᠠᠯᠪᠠᠨ ᠲᠡᠷᠭᠡᠨ ᠤ ᠦᠭᠡᠷᠡᠴᠢᠯᠡᠯᠳᠠ ᠶᠢ ᠴᠠᠭ ᠲᠤᠨᠢ ᠪᠡᠶᠡᠯᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠶᠠᠷᠥᠩᠭᠡᠶᠢᠯᠡᠭᠰᠡᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠨᠡᠶᠢᠳᠠ ᠎ ᠶᠢᠨ ᠭᠠᠵᠠᠷ ᠰᠢᠷᠤᠢ ᠶᠢᠨ ᠦᠮᠴᠢᠯᠡᠬᠦ ᠡᠷᠬᠡ ᠶᠢ ᠳᠠᠩᠰᠠᠯᠠᠨ ᠭᠡᠷᠡᠴᠢ ᠲᠠᠷᠬᠠᠭᠠᠬᠤ ᠠᠵᠢᠯ᠂ ᠨᠤᠳᠤᠭ ᠪᠡᠯᠴᠢᠭᠡᠷ ᠤᠨ ᠡᠷᠭᠡ ᠶᠢ ᠲᠤᠳᠤᠯᠠᠨ ᠳᠤᠭᠳᠠᠭᠠᠵᠤ᠂ ᠳᠠᠭᠠᠭᠠᠴᠢᠯᠠᠨ ᠡᠵᠡᠩᠨᠡᠬᠦ ᠠᠵᠢᠯ ᠢ ᠪᠡᠶᠡᠯᠡᠭᠦᠯᠵᠤ᠂ ᠬᠠᠩᠭᠠᠨ ᠪᠤᠷᠤᠯᠠᠭᠤᠯᠬᠤ ᠬᠤᠷᠰᠢᠶ᠎ᠠ᠂ ᠬᠦᠳᠡᠭᠡ ᠲᠤᠰᠬᠤᠨ ᠮᠠᠯᠵᠢᠬᠤ ᠤᠷᠤᠨ ᠤ ᠮᠦᠩᠭᠦᠨ ᠭᠦᠢᠯᠭᠡᠭᠡᠨ ᠤ ᠦᠭᠡᠷᠡᠴᠢᠯᠡᠯᠳᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠥᠷᠢᠯᠡᠯ ᠤᠨ ᠬᠦᠴᠤᠨ ᠤ ᠴᠢᠯᠥᠭᠡᠯᠡᠯᠳᠠ ᠪᠤᠯᠤᠨ ᠬᠦᠭᠵᠢᠯᠳᠠ ᠶᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠦᠲᠥᠴᠡ ᠶᠢᠨ ᠦᠭᠡᠷᠡᠴᠢᠯᠡᠯᠳᠠ ᠶᠢ ᠠᠬᠢᠭᠤᠯᠵᠤ᠂ ᠰᠢᠨ᠎ᠡ ︽ᠳᠦᠰᠥᠪ ᠤᠨ ᠬᠠᠤᠯᠢ︾᠎ ᠶᠢ ᠴᠢᠩᠭ᠎ᠠ ᠬᠡᠷᠡᠭᠵᠢᠭᠦᠯᠵᠤ᠂ ᠭᠠᠵᠠᠷ ᠤᠷᠤᠨ᠂ ᠰᠠᠯᠠᠭ᠎ᠠ ᠮᠦᠴᠢᠷ ᠤᠨ ᠲᠦᠰᠥᠪ᠂ ᠲᠦᠰᠥᠪ ᠤᠨ ᠭᠦᠢᠴᠡᠳᠬᠡᠯ ᠢᠶᠠᠨ ᠨᠠᠶᠢᠳᠡᠯᠡᠬᠦ ᠶᠢ ᠭᠡᠷᠡᠭᠵᠢᠭᠦᠯᠵᠤ᠂ ᠡᠳ᠋ ᠤᠨ ᠵᠠᠰᠠᠭ ᠤᠨ ᠲᠦᠰᠥᠪ ᠤᠨ ᠬᠠᠤᠯᠢ ᠎ ᠪᠠᠷ ᠲᠡᠬᠢᠨ ᠨᠡᠮᠡᠬᠦ ᠲᠦᠷᠢᠮ ᠢ ᠪᠦᠷᠢᠨᠰᠢᠭᠦᠯᠵᠤ᠂ ᠡᠳ᠋ ᠤᠨ ᠵᠠᠰᠠᠭ ᠤᠨ ᠮᠦᠩᠭᠦᠨ ᠤ ᠬᠡᠷᠡᠭᠯᠡᠬᠦ ᠠᠰᠢᠭ ᠢ ᠳᠡᠭᠡᠭᠰᠢᠯᠡᠭᠦᠯᠥᠨ᠎ᠠ᠂ ᠨᠠᠶᠢᠭᠡᠮ ᠤᠨ ᠬᠠᠮᠢᠶᠠᠷᠥᠯᠳᠠ ᠶᠢᠨ ᠲᠦᠷᠢᠮ ᠤᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠤ᠂ ᠡᠷᠬᠡ ᠰᠦᠷᠳᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠠᠬᠤ ᠨᠢᠭᠡᠳᠥᠯᠳᠠᠢ ᠰᠢᠰᠲ᠋ᠧᠮ ᠢ ᠪᠠᠶᠢᠭᠤᠯᠵᠤ᠂ ᠢᠳᠡᠭᠡᠨ ᠪᠠ ᠡᠮ ᠤᠨ ᠵᠦᠢᠯᠡᠰ ᠤᠨ ᠠᠮᠥᠷ ᠲᠦᠪᠰᠢᠨ ᠤ ᠬᠠᠮᠢᠶᠠᠷᠥᠯᠳᠠ ᠶᠢᠨ ᠬᠢᠨᠠᠨ ᠬᠠᠮᠢᠶᠠᠷᠬᠤ ᠳᠤᠤᠷ ᠢ ᠪᠠᠬᠢᠵᠢᠭᠦᠯᠤᠨ᠎ᠡ᠃     — ᠵᠠᠰᠠᠭ ᠤᠨ ᠤᠷᠳᠤᠨ ᠤ ᠲᠤᠰᠢᠶᠠᠯ ᠴᠢᠳᠠᠮᠵᠢ ᠪᠠᠨ ᠬᠠᠤᠯᠢ ᠪᠠᠷ ᠪᠦᠬᠦ ᠲᠠᠯ᠎ᠠ ᠪᠠᠷ ᠭᠦᠢᠴᠡᠳᠭᠡᠨ᠎ᠠ᠃ ᠬᠠᠤᠯᠢᠵᠢᠯ ᠰᠡᠳᠬᠢᠬᠦᠢ ᠪᠤᠯᠤᠨ ᠬᠠᠤᠯᠢᠵᠢᠯ ᠠᠷᠭ᠎ᠠ ᠮᠠᠶ᠋ᠢᠭ ᠢᠶᠠᠷ ᠡᠷᠭᠡ ᠲᠤᠰᠢᠶᠠᠯ ᠢᠶᠠᠨ ᠭᠡᠷᠡᠭᠵᠢᠭᠦᠯᠵᠤ᠂ ︽ᠬᠠᠤᠯᠢ ᠎ ᠳᠤ ᠳᠤᠭᠳᠠᠭᠠᠭᠰᠠᠨ ᠬᠠᠷᠢᠭᠤᠴᠠᠯᠭ᠎ᠠ ᠪᠠᠨ ᠵᠠᠪᠠᠯ ᠭᠦᠢᠴᠡᠳᠬᠡᠵᠤ᠂ ᠬᠠᠤᠯᠢ ᠶᠢᠨ ᠬᠠᠷᠢᠭᠤᠴᠠᠯᠭ᠎ᠠ ᠦᠭᠭᠦᠭᠰᠡᠨ ᠦᠭᠡᠢ ᠪᠤᠯ ᠬᠢᠵᠤ ᠦᠯᠥ ᠪᠤᠯᠬᠤ︾᠎ ᠶᠢ ᠦᠨᠨᠡᠬᠦ ᠪᠠᠷᠢᠮᠳᠠᠯᠠᠨ᠎ᠠ᠃ ᠵᠠᠰᠠᠭ ᠤᠨ ᠤᠷᠳᠤᠨ ᠤ ᠬᠠᠤᠯᠢ ᠲᠦᠷᠢᠮ ᠪᠤᠯᠤᠨ ᠬᠠᠤᠯᠢ ᠴᠠᠭᠠᠵᠠ ᠶᠢᠨ ᠵᠦᠪᠯᠡᠭᠴᠢ ᠶᠢᠨ ᠡᠩᠨᠠᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠵᠠᠬᠢᠷᠭᠠᠨ ᠎ ᠤ ᠬᠠᠤᠯᠢ ᠭᠡᠷᠡᠭᠵᠢᠭᠦᠯᠬᠦ ᠳᠤᠮᠳᠠᠬᠢ ᠭᠤᠤᠯᠴᠢ ᠪᠤᠰᠤ ᠠᠰᠠᠭᠤᠳᠠᠯ ᠢ ᠵᠠᠰᠠᠨ ᠴᠡᠭᠴᠡᠯᠡᠵᠤ᠂ ᠭᠤᠤᠯᠴᠢ ᠪᠤᠯᠪᠠᠰᠤᠨ ᠎ ᠢᠶᠠᠷ ᠬᠠᠤᠯᠢ ᠭᠡᠷᠡᠭᠵᠢᠭᠦᠯᠭᠦ ᠶᠢ ᠠᠬᠢᠭᠤᠯᠤᠨ᠎ᠠ᠃ ︽ᠭᠤᠷᠪᠠᠨ ᠢᠯᠡ ᠪᠠᠶᠢᠯᠭᠠᠬᠤ︾ ᠬᠦᠴᠤᠯᠠᠴᠡ ᠪᠠᠨ ᠨᠡᠮᠡᠭᠳᠡᠭᠦᠯᠵᠤ᠂ ᠵᠠᠰᠠᠭ ᠤᠨ ᠤᠷᠳᠤᠨ ᠤ ᠢᠯᠡ ᠳᠤᠳᠤ ᠪᠠᠶᠢᠬᠤ ᠶᠢ ᠲᠠᠰᠤᠷᠠᠯᠳᠠ ᠦᠭᠡᠢ ᠨᠡᠮᠡᠭᠳᠡᠭᠦᠯᠥᠨ᠎ᠠ᠂ ᠬᠠᠤᠯᠢ ᠎ ᠪᠠᠷ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ ᠶᠢ ᠬᠦᠯᠢᠶᠡᠵᠤ᠂ ᠤᠯᠤᠰ ᠲᠦᠷᠥ ᠶᠢᠨ ᠵᠦᠪᠯᠡᠯᠭᠡᠨ ᠤ ᠠᠷᠠᠳᠴᠢᠯᠠᠯ ᠤᠨ ᠬᠢᠨᠡᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠵᠠᠭᠤᠴᠢᠯᠠᠭᠤᠷ ᠪᠤᠯᠤᠨ ᠤᠯᠠᠨ ᠲᠦᠮᠡᠨ ᠤ ᠬᠢᠨᠠᠯᠳᠠ ᠶᠢ ᠰᠠᠶᠢᠳᠤᠷ ᠬᠦᠯᠢᠶᠡᠨ᠎ᠡ᠃     — ᠭᠡᠷᠡᠭᠵᠢᠭᠦᠯᠬᠦ ᠨᠠᠶᠢᠳᠠᠪᠥᠷᠢᠵᠢᠭᠤᠯᠬᠤ ᠴᠢᠳᠠᠪᠥᠷᠢ ᠪᠠᠨ ᠦᠨᠡᠨᠬᠦ ᠳᠡᠭᠡᠭᠰᠢᠯᠡᠭᠦᠯᠥᠨ᠎ᠠ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠥᠵᠢᠯ ᠦᠢᠯᠡᠳᠥᠯᠭᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠤᠪᠲᠤ ᠬᠦᠮᠥᠵᠢᠯ ᠤᠨ ᠦᠷ᠎ᠡ ᠪᠥᠳᠥᠭᠡᠯ ᠢ ᠪᠠᠳᠤᠳᠬᠠᠵᠤ᠂ ︽ᠬᠤᠶᠠᠷ ᠰᠤᠷᠤᠯᠴᠠᠯᠭ᠎ᠠ ᠨᠢᠭᠡ ᠬᠢᠬᠦ︾ ᠰᠤᠷᠤᠯᠴᠠᠯᠭ᠎ᠠ ᠬᠦᠮᠥᠵᠢᠯ ᠢ ᠰᠠᠶᠢᠳᠤᠷ ᠦᠷᠨᠢᠭᠦᠯᠵᠤ᠂ ︽ᠲᠦᠷᠪᠡᠨ ᠰᠣᠷᠳᠠᠯ︾᠎ ᠢ ᠦᠷᠭᠦᠯᠵᠢᠯᠡᠨ ᠬᠠᠯᠠᠨ ᠰᠠᠶᠢᠵᠢᠷᠠᠭᠤᠯᠵᠤ᠂ ︽ᠴᠢᠩᠭ᠎ᠠ ᠪᠤᠰᠤ ᠪᠤᠳᠠᠳᠠᠢ ᠪᠤᠰᠤ︾ ᠳᠤᠪᠤᠶᠢᠮ᠎ᠠ ᠠᠰᠠᠭᠤᠳᠠᠯ ᠢ ᠴᠡᠭᠴᠡᠯᠡᠨ ᠦᠭᠡᠷᠡᠴᠢᠯᠡᠨ᠎ᠡ᠃ ᠰᠠᠬᠢᠯᠭ᠎ᠠ ᠪᠠᠲᠤ ᠶᠢᠨ ᠦᠵᠡᠯ ᠤᠬᠠᠮᠰᠠᠷ᠂ ᠶᠤᠰᠤ ᠲᠦᠷᠢᠮ ᠤᠨ ᠦᠵᠡᠯᠳᠠ ᠪᠤᠯᠤᠨ ᠠᠷᠠᠳ ᠲᠤ ᠦᠢᠯᠡᠴᠢᠯᠡᠬᠦ ᠤᠬᠠᠮᠰᠠᠷ ᠢ ᠪᠠᠳᠤ ᠪᠤᠢ ᠪᠤᠯᠭᠠᠵᠤ᠂ ᠨᠠᠮ ᠤᠨ ᠲᠦᠷᠢᠮ ᠪᠤᠯᠤᠨ ᠤᠯᠤᠰ ᠲᠦᠷᠥ ᠶᠢᠨ ᠳᠤᠭᠳᠠᠭᠠᠯ ᠢ ᠴᠢᠩᠭ᠎ᠠ ᠰᠠᠬᠢᠵᠤ᠂ ᠦᠢᠯᠡᠴᠢᠯᠡᠭᠡᠨ ᠤ ᠦᠷ᠎ᠡ ᠠᠰᠢᠭ ᠢᠶᠠᠨ ᠳᠡᠭᠡᠭᠰᠢᠯᠡᠭᠦᠯᠵᠤ᠂ ᠠᠷᠢᠭᠤᠨ ᠴᠢᠭᠡᠴᠢ ᠲᠦᠷᠢ ᠲᠦᠷᠬᠦ ᠎ ᠶᠢ ᠪᠤᠢ ᠪᠤᠯᠭᠠᠵᠤ᠂ ᠰᠣᠷᠳᠠᠯ ᠤᠨ ᠪᠦᠳᠥᠭᠡᠨ ᠪᠠᠶᠢᠭᠤᠯᠤᠯᠳᠠ ᠶᠢᠨ ᠲᠦᠷᠢᠮ ᠳᠤᠭᠳᠠᠭᠠᠯ ᠢ ᠪᠦᠷᠢᠨᠰᠢᠭᠦᠯᠵᠤ᠂ ᠵᠠᠰᠠᠭ ᠤᠨ ᠤᠷᠳᠤᠨ ᠤ ᠡᠷᠭᠢᠯᠡᠵᠤ ᠪᠠᠶᠢᠭ᠎ᠠ ᠠᠵᠢᠯ ᠨᠢᠭᠡ ᠪᠦᠷᠢ ᠶᠢ ᠦᠨᠡᠨ ᠪᠤᠳᠠᠳᠠᠢ ᠪᠠᠶᠢᠯᠭᠠᠵᠤ᠂ ᠵᠠᠰᠠᠭ ᠤᠨ ᠤᠷᠳᠤᠨ ᠤ ᠠᠮᠠᠯᠠᠯᠳᠠ ᠤᠨ ᠪᠡᠶᠡᠯᠡᠭᠳᠡᠬᠦ ᠶᠢ ᠪᠠᠳᠤᠯᠠᠨ᠎ᠠ᠃     — ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠯᠠᠪᠳᠠᠭᠤᠨ ᠠᠬᠢᠭᠤᠯᠤᠨ᠎ᠠ᠃ ︽ᠰᠠᠬᠢᠯᠭ᠎ᠠ ᠪᠠᠳᠤ ᠰᠤᠷᠳᠠᠯ ᠢ ᠴᠡᠭᠴᠡᠯᠡᠬᠦ ᠤᠨ︾᠎ ᠤ ᠠᠵᠢᠯᠯᠠᠭ᠎ᠠ ᠲᠠᠢ ᠤᠶᠠᠯᠳᠤᠭᠤᠯᠵᠤ᠂ ᠰᠠᠬᠢᠯᠭ᠎ᠠ ᠪᠠᠳᠤ ᠰᠤᠷᠳᠠᠯ ᠢ ᠴᠡᠭᠴᠡᠯᠡᠬᠦ ᠠᠵᠢᠯ ᠢ ᠤᠳᠤᠷᠢᠳᠤᠬᠤ ᠪᠠᠭ ᠪᠤᠯᠤᠨ ᠤᠳᠤᠷᠢᠳᠤᠬᠤ ᠺᠠᠳ᠋ᠷ ᠤᠨ ᠵᠢᠯ ᠤᠨ ᠠᠮᠵᠢᠯᠳᠠ ᠪᠦᠳᠤᠮᠵᠢ ᠶᠢᠨ ᠦᠨᠡᠯᠡᠯᠳᠠ ᠬᠢᠭᠦ ᠶᠢᠨ ᠴᠢᠬᠤᠯᠠ ᠠᠭᠤᠯᠭ᠎ᠠ ᠪᠤᠯᠭᠠᠵᠤ᠂ ᠨᠠᠮ ᠤᠨ ᠠᠷᠢᠭᠤᠨ ᠴᠢᠭᠡᠴᠢ ᠪᠠᠷ ᠵᠠᠰᠠᠭ ᠪᠡᠷᠢᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠥᠷᠢᠵᠢᠭᠤᠯᠵᠤ᠂ ᠵᠠᠯᠬᠠᠭᠠᠬᠤ ᠪᠤᠯᠤᠨ ᠢᠯᠵᠢᠷᠠᠯ ᠠᠴᠠ ᠰᠡᠷᠭᠡᠶᠢᠯᠡᠬᠦ ᠲᠦᠷᠢᠮ ᠢ ᠴᠢᠩᠭᠠᠳᠬᠠᠨ ᠪᠦᠷᠢᠨᠰᠢᠭᠦᠯᠥᠨ᠎ᠠ᠃ ᠲᠦᠪ ᠤᠨ ︽ᠨᠡᠢᠮᠠᠨ ᠲᠤᠭᠳᠠᠭᠠᠯ︾᠎ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠥᠷᠢᠵᠢᠭᠤᠯᠵᠤ᠂ ︽ᠠᠷᠪᠢᠯᠠᠵᠤ ᠠᠮᠢᠳᠤᠷᠠᠬᠤ︾ ᠦᠵᠡᠯ ᠤᠬᠠᠮᠰᠠᠷ ᠢ ᠪᠠᠳᠤ ᠪᠤᠢ ᠪᠤᠯᠭᠠᠵᠤ ᠂ ︽ᠭᠤᠷᠪᠠᠨ ᠠᠯᠪᠠᠨ︾ ᠵᠠᠷᠤᠳᠠᠯ ᠪᠤᠯᠤᠨ ᠡᠩ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠵᠠᠬᠢᠷᠭᠠᠨ ᠤ ᠦᠪᠡᠷ ᠤᠨ ᠦᠷᠳᠡᠭ ᠢ ᠤᠯᠠᠮ ᠪᠠᠭᠠᠰᠬᠠᠨ᠎ᠠ᠃ ᠪᠢᠳᠡᠨ ᠵᠠᠪᠠᠯ ᠲᠡᠮᠤᠷ ᠮᠡᠲᠤ ᠪᠠᠳᠤ ᠴᠢᠩᠭ᠎ᠠ ᠰᠠᠬᠢᠯᠭ᠎ᠠ ᠪᠤᠯᠤᠨ ᠬᠠᠷᠢᠭᠤᠴᠠᠯᠭ᠎ᠠ  ᠎ ᠶᠢ ᠬᠡᠵᠢᠶᠡᠳᠡ ᠪᠠᠷᠢᠮᠲᠠᠯᠠᠨ᠂ ᠠᠷᠠᠳ ᠤᠯᠠᠨ ᠤ ᠲᠤᠮᠳᠠᠬᠢ ᠵᠠᠰᠠᠭ ᠤᠨ ᠤᠷᠳᠤᠨ ᠤ ᠢᠳᠡᠭᠡᠯ ᠳᠡᠮᠵᠢᠯᠭᠡ ᠶᠢ ᠨᠡᠮᠡᠭᠳᠡᠭᠦᠯᠵᠤ᠂ ᠦᠭᠡᠷᠡᠴᠢᠯᠡᠯᠳᠠ ᠬᠦᠭᠵᠢᠯᠳᠡ ᠶᠢᠨ ᠵᠦᠪ ᠡᠨᠧᠷᠭᠢ ᠶᠢ ᠨᠢᠭᠲᠠᠷᠠᠭᠤᠯᠤᠨ᠎ᠠ᠃     ᠲᠦᠯᠥᠭᠡᠯᠡᠭᠴᠢᠳ ᠡ᠂ ᠠᠤᠭ᠎ᠠ ᠬᠠᠷᠠᠯᠳᠠ ᠬᠦᠮᠥᠨ ᠢ ᠤᠷᠠᠮᠰᠢᠭᠤᠯᠵᠤ᠂ ᠰᠠᠶᠢᠨ ᠰᠠᠶᠢᠬᠠᠨ ᠢᠷᠡᠭᠡᠳᠥᠢ ᠪᠢᠳᠡᠨ ᠢ ᠴᠢᠷᠮᠠᠶᠢᠯᠭᠠᠵᠤ ᠪᠠᠶᠢᠨ᠎ᠠ᠃ ᠪᠢᠳᠡᠨ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠥ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠳᠤᠤᠷ᠎ᠠ᠂ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠠᠷᠠᠳ ᠲᠦᠮᠡᠨ ᠤ ᠬᠠᠮᠲᠤ ᠶᠢᠨ ᠴᠢᠷᠮᠡᠶᠢᠯᠭ᠎ᠠ ᠪᠠᠷ ᠰᠢᠷᠭᠠᠭᠤ ᠬᠠᠳᠠᠭᠤᠵᠢᠯᠳᠠᠢ ᠰᠢᠨᠳᠠᠷᠠᠰᠢ ᠦᠭᠡᠢ ᠠᠵᠢᠯᠯᠠᠬᠤ ᠵᠤᠷᠢᠭ ᠰᠠᠨᠠᠭ᠎ᠠ ᠪᠤᠯᠤᠨ ᠰᠢᠯᠢᠳᠡᠭ ᠠᠵᠢᠯ ᠤᠨ ᠰᠤᠷᠳᠠᠯ ᠢ ᠪᠠᠳᠠᠷᠠᠭᠤᠯᠤᠨ᠂ ᠬᠦᠴᠤᠨ ᠴᠢᠳᠠᠯ ᠢᠶᠠᠨ ᠨᠢᠭᠡᠳᠭᠡᠨ᠂ ᠬᠦᠴᠢᠷ ᠪᠡᠷᠭᠡᠰᠢᠶᠡᠯ ᠢ ᠬᠠᠮᠳᠤᠪᠡᠷ ᠲᠤᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠤᠬᠢ ᠰᠠᠶᠢᠨ ᠡᠬᠢᠯᠡᠯᠳᠠ ᠶᠢ ᠪᠤᠢ ᠪᠤᠯᠭᠠᠵᠤ᠂ ᠴᠢᠨᠡᠭᠡᠯᠢᠭ ᠨᠠᠶᠢᠭᠡᠮ ᠢ ᠲᠤᠭᠳᠠᠭᠰᠠᠨ ᠬᠤᠭᠤᠴᠠᠭᠠᠨ ᠳᠤ ᠪᠠᠨ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠬᠠᠷᠠᠯᠳᠠ ᠶᠢ ᠪᠡᠶᠡᠯᠡᠭᠦᠯᠭᠦ ᠶᠢᠨ ᠲᠦᠯᠥᠭᠡ ᠴᠢᠷᠮᠠᠶᠢᠨ ᠲᠡᠮᠡᠴᠡᠴᠡᠭᠡᠶ᠎ᠡ︕     ᠦᠭᠡᠰ ᠤᠨ ᠲᠠᠶᠢᠯᠤᠮᠵᠢ【 ᠬᠤᠶᠠᠷ ᠢ ᠠᠳᠬᠤᠵᠤ᠂ ᠭᠤᠷᠪᠠ ᠶᠢ ᠲᠡᠭᠡᠭᠰᠢᠯᠡᠭᠦᠯᠵᠤ᠂ ᠳᠦᠷᠪᠡ ᠶᠢ ᠬᠦᠭᠵᠢᠭᠦᠯᠬᠦ】 ᠨᠢᠭᠡ ᠭᠠᠷ ᠢᠶᠠᠷ ᠢᠶᠠᠨ ᠲᠦᠷᠥᠯ ᠵᠦᠢᠯ ᠢ ᠠᠳᠬᠤᠨ ᠬᠤᠰᠢᠭᠤ ᠪᠠᠨ ᠬᠦᠴᠥᠷᠭᠡᠭᠵᠢᠭᠦᠯᠵᠤ᠂ ᠨᠦᠭᠦᠭᠡ ᠭᠠᠷ ᠢᠶᠠᠷ ᠢᠶᠠᠨ ᠦᠢᠯᠡᠳᠪᠥᠷᠢᠯᠡᠯ ᠢ ᠠᠳᠬᠤᠵᠤ ᠠᠷᠠᠳ ᠢ ᠪᠠᠶᠠᠵᠢᠭᠤᠯᠤᠨ᠎ᠠ᠃ ᠪᠦᠬᠦ ᠴᠢᠳᠠᠯ ᠢᠶᠠᠷ ᠠᠵᠤ ᠠᠬᠤᠢ ᠶᠢᠨ ᠨᠡᠮᠡᠭᠳᠡᠯ ᠢ ᠬᠤᠷᠳᠤᠰᠬᠠᠬᠤ᠂ ᠴᠢᠨᠠᠷ ᠴᠢᠨᠰᠠᠭᠠᠨ ᠤ ᠳᠡᠭᠡᠭᠰᠢᠯᠡᠯᠳᠠ ᠶᠢ ᠬᠦᠭᠵᠢᠭᠦᠯᠬᠦ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠢ ᠠᠬᠢᠭᠤᠯᠤᠨ᠎ᠠ᠃ ᠤᠨᠴᠠᠯᠢᠭᠳᠤ ᠬᠦᠭᠵᠢᠯᠳᠠ᠂ ᠴᠤᠭᠯᠠᠷᠠᠭᠰᠠᠨ ᠬᠦᠭᠵᠢᠯᠳᠠ᠂ ᠪᠠᠶᠢᠭᠠᠯᠯᠢᠭ ᠬᠦᠭᠵᠢᠯᠳᠠ᠂ ᠨᠢᠭᠡᠳᠥᠯᠳᠠᠢ ᠲᠦᠯᠥᠪᠯᠡᠭᠰᠡᠨ ᠬᠦᠭᠵᠢᠯᠳᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠨ᠎ᠠ᠃【 ᠭᠤᠷᠪᠠ ᠶᠢ ᠦᠨᠳᠥᠷ ᠪᠠᠶᠢᠯᠭᠠᠵᠤ᠂ ᠳᠦᠷᠪᠡ ᠶᠢ ᠲᠡᠩᠴᠡᠭᠦᠥ ᠪᠠᠶᠢᠯᠭᠠᠬᠤ】 ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠥᠩᠭᠡᠢ ᠦᠷᠳᠡᠭ᠂ ᠠᠵᠤ ᠦᠢᠯᠡᠳᠪᠥᠷᠢᠯᠡᠯ ᠤᠨ ᠨᠡᠮᠡᠭᠳᠡᠯ ᠦᠷᠳᠡᠭ ᠪᠤᠯᠤᠨ ᠪᠦᠬᠦ ᠨᠠᠶᠢᠭᠡᠮ ᠎ ᠤᠨ ᠳᠤᠭᠳᠠᠮᠠᠯ ᠬᠦᠷᠥᠩᠭᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠶᠢ ᠴᠦᠮ ᠪᠦᠬᠦ ᠠᠶᠢᠮᠠᠭ ᠎ ᠤᠨ ᠳᠡᠭᠰᠢᠳᠭᠡᠭᠰᠡᠨ ᠲᠦᠪᠰᠢᠨ ᠠᠴᠠ ᠳᠡᠭᠡᠭᠰᠢ ᠪᠠᠶᠢᠯᠭᠠᠵᠤ᠂ ᠤᠯᠠᠨ ᠨᠡᠶᠢᠳᠠ ᠶᠢᠨ ᠡᠳ᠋ ᠤᠨ ᠵᠠᠰᠠᠭ ᠤᠨ ᠳᠦᠰᠥᠪ ᠎ ᠤᠨ ᠤᠷᠤᠯᠭ᠎ᠠ᠂ ᠪᠦᠬᠦ ᠨᠠᠶᠢᠭᠡᠮ ᠤᠨ ᠭᠡᠷᠡᠭᠯᠡᠭᠡᠨ ᠤ ᠵᠤᠶᠢᠯᠡᠰ ᠤᠨ ᠵᠢᠵᠢᠭᠯᠡᠨ ᠬᠤᠳᠠᠯᠳᠤᠭᠰᠠᠨ ᠶᠡᠷᠥᠩᠬᠡᠢ ᠦᠷᠳᠡᠭ ᠪᠤᠯᠤᠨ ᠬᠤᠳᠡ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠳᠡᠭᠰᠢᠳᠬᠡᠭᠰᠡᠨ ᠡᠵᠡᠮᠰᠢᠵᠦ ᠪᠤᠯᠬᠤ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠶᠢ ᠴᠦᠮ ᠪᠦᠬᠦ ᠠᠶᠢᠮᠠᠭ ᠤᠨ ᠳᠡᠭᠰᠢᠳᠭᠡᠭᠰᠡᠨ ᠲᠦᠪᠰᠢᠨ ᠲᠠᠢ ᠵᠡᠷᠭᠡᠴᠡᠭᠦᠯᠥᠨ᠎ᠠ᠃【 ᠭᠤᠷᠪᠠᠨ ᠵᠠᠭᠤᠨ ᠵᠢᠱᠢᠶ᠎ᠡ ᠦᠵᠡᠭᠦᠯᠬᠦ ᠢᠨᠵᠧᠨᠧᠷᠢᠩ】 ᠦᠢᠯᠡᠳᠪᠥᠷᠢᠯᠡᠯ ᠤᠨ ᠲᠦᠷᠥ ᠶᠢᠨ ᠪᠤᠳᠤᠯᠭ᠎ᠠ᠂ ᠦᠰᠤᠨ ᠪᠤᠶᠢᠵᠢᠬᠤ ᠬᠠᠷᠠᠯᠳᠠ ᠰᠠᠶᠢᠨ᠂ ᠳᠠᠭᠠᠭᠤᠯᠬᠤ ᠦᠢᠯᠡᠳᠥᠯ ᠳᠤᠪᠥᠶᠢᠮ᠎ᠠ᠂ ᠮᠡᠷᠭᠡᠵᠢᠯ ᠤᠨ ᠠᠭᠤᠯᠠᠭᠳᠠᠴᠠ ᠦᠨᠳᠤᠷ ᠰᠢᠯᠢᠳᠡᠭ ᠬᠤᠪᠢ ᠶᠢᠨ ᠠᠵᠤ ᠠᠬᠤᠶᠢᠯᠠᠯ ︵ᠬᠤᠪᠢ ᠶᠢᠨ ᠡᠵᠡᠩᠨᠡᠯᠳᠠ ᠶᠢᠨ ᠡᠷᠥᠬᠡ︶᠎ ᠶᠢᠨ ᠳᠤᠮᠳᠠ ᠠᠴᠠ ︽ᠵᠠᠭᠤᠨ ᠬᠤᠪᠢ ᠶᠢᠨ ᠡᠵᠡᠩᠨᠡᠯᠳᠠ ᠶᠢᠨ ᠡᠷᠥᠬᠡ᠂ ᠵᠠᠭᠤᠨ ᠪᠠᠭ᠎ᠠ ᠪᠢᠴᠢᠯ ᠠᠵᠤ ᠠᠬᠤᠶᠢᠯᠠᠯ᠂ ᠵᠠᠭᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ︾᠎ ᠳᠤ ᠦᠨᠡᠯᠡᠯᠳᠠ ᠬᠢᠬᠦ ᠪᠤᠯᠤᠨ ᠰᠢᠯᠢᠨ ᠰᠤᠩᠭᠤᠵᠤ᠂ ᠪᠦᠬᠦ ᠠᠶᠢᠮᠠᠭ ᠤᠨ ᠵᠢᠱᠢᠶ᠎ᠡ ᠦᠵᠡᠭᠦᠯᠬᠦ ᠠᠵᠤ ᠠᠬᠤᠶᠢᠯᠡᠯ ᠪᠤᠯᠭᠠᠨ ᠬᠦᠳᠥᠯᠥᠩᠭᠦᠢ ᠪᠠᠷ ᠬᠦᠮᠥᠵᠢᠭᠦᠯᠵᠤ᠂ ᠬᠠᠪᠰᠤᠷᠤᠨ ᠳᠡᠮᠵᠢᠬᠦ ᠪᠠᠷ ᠳᠠᠮᠵᠢᠨ ᠳᠤᠮᠤ ᠪᠤᠯᠭᠠᠨ ᠬᠦᠴᠥᠷᠬᠡᠭ ᠪᠤᠯᠭᠠᠨ᠎ᠠ᠃【 ᠬᠤᠶᠠᠷ ᠤᠷᠤᠨ᠂ ᠭᠤᠷᠪᠠᠨ ᠱᠤᠭᠤᠮ】 ᠬᠤᠶᠠᠷ ᠤᠷᠤᠨ᠄ ᠭᠤᠤᠯ ᠪᠤᠯᠬᠤ ᠦᠵᠡᠮᠵᠢᠳᠤ ᠤᠷᠤᠨ᠂ ᠪᠠᠶᠢᠭᠠᠯᠢ ᠎ ᠶᠢᠨ ᠬᠠᠮᠠᠭᠠᠯᠠᠯᠳᠠ ᠶᠢᠨ ᠤᠷᠤᠨ᠂ ᠬᠤᠳᠠ ᠶᠢᠨ ᠲᠦᠯᠥᠪᠵᠢᠭᠦᠯᠭᠡ ᠶᠢᠨ ᠤᠷᠤᠨ᠃ ᠬᠤᠶᠠᠷ ᠱᠤᠭᠤᠮ᠄ ᠲᠡᠮᠥᠷ ᠵᠠᠮ ᠪᠤᠯᠤᠨ ᠭᠤᠤᠯ ᠪᠤᠯᠬᠤ ᠵᠠᠰᠠᠮᠠᠯ ᠵᠠᠮ ᠤᠨ ᠲᠠᠭᠠᠤ ᠶᠢᠨ ᠱᠤᠭᠤᠮ᠂ ᠳᠠᠯᠠᠢ ᠶᠢᠨ ᠡᠷᠭᠢ ᠶᠢᠨ ᠱᠤᠭᠤᠮ᠃【 ᠭᠤᠷᠪᠠ ᠶᠢ ᠳᠤᠰᠬᠤᠨ ᠳᠤ ᠬᠦᠷᠭᠡᠵᠤ᠂ ᠭᠤᠷᠪᠠ ᠶᠢ ᠡᠷᠥᠬᠡ ᠳᠤ ᠬᠦᠷᠭᠡᠭᠦ】 ᠲᠦᠯᠥᠪᠵᠢᠭᠦᠯᠭᠡ ᠶᠢ ᠲᠤᠰᠬᠤᠨ᠂ ᠡᠷᠥᠬᠡ ᠳᠤ ᠬᠦᠷᠭᠡᠬᠦ᠃ ᠲᠦᠷᠥᠯ ᠵᠦᠢᠯ ᠢ ᠲᠤᠰᠬᠤᠨ᠂ ᠡᠷᠥᠬᠡ ᠳᠤ ᠬᠦᠷᠭᠡᠭᠦ᠃ ᠺᠠᠳ᠋ᠷ ᠢ ᠳᠤᠰᠬᠤᠨ᠂ ᠡᠷᠥᠬᠡ ᠳᠤ ᠬᠦᠷᠭᠡᠬᠦ᠃【ᠬᠤᠶᠠᠷ ᠫᠧᠩ᠂ ᠨᠢᠭᠡ ᠡᠪᠡᠰᠤᠨ ᠤ ᠦᠢᠯᠡᠰ】 ᠮᠠᠯ ᠤᠨ ᠫᠧᠩ᠂ ᠡᠪᠡᠰᠤᠨ ᠫᠧᠩ ᠪᠠ ᠡᠪᠡᠰᠤᠨ ᠤ ᠦᠢᠯᠡᠰ᠃【ᠲᠦᠷᠪᠡᠨ ᠪᠦᠬᠦ ᠲᠠᠯ᠎ᠠ ᠶᠢᠨ ᠪᠠᠶᠢᠷᠢᠯᠠᠭᠤᠯᠤᠯᠲᠠ】 ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ᠎ᠠ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠨ᠎ᠠ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠨ᠎ᠠ᠃【ᠲᠠᠪᠤᠨ ᠶᠡᠭᠡ ᠬᠦᠭᠵᠢᠯᠲᠡ ᠶᠢᠨ ᠤᠶᠢᠯᠠᠭᠠᠭᠳᠠᠬᠤᠨ】 ᠰᠢᠨ᠎ᠡ ᠶᠢ ᠡᠭᠦᠳᠬᠦ ᠬᠦᠭᠵᠢᠯᠲᠡ᠂ ᠵᠤᠭᠢᠴᠠᠩᠭᠤᠢ ᠬᠦᠭᠵᠢᠯᠲᠠ᠂ ᠪᠤᠬᠢᠷᠳᠠᠯ ᠦᠭᠡᠢ ᠬᠦᠭᠵᠢᠯᠲᠠ᠂ ᠨᠡᠭᠡᠭᠡᠯᠲᠡᠲᠦ ᠬᠦᠭᠵᠢᠯᠲᠠ᠂ ᠬᠠᠮᠲᠤᠪᠡᠷ ᠡᠳᠡᠯᠡᠬᠦ ᠬᠦᠭᠵᠢᠯᠲᠡ᠃【ᠬᠤᠶᠠᠷ ᠢ ᠰᠤᠷᠤᠯᠴᠠᠵᠤ᠂ ᠨᠢᠭᠡ ᠪᠤᠯᠬᠤ】 ᠨᠠᠮ ᠤᠨ ᠲᠦᠷᠢᠮ ᠨᠠᠮ ᠤᠨ ᠲᠤᠭᠳᠠᠭᠠᠯ ᠢ ᠰᠤᠷᠤᠯᠴᠠᠨ᠂ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ᠃ 【ᠨᠢᠭᠡ ᠪᠦᠰᠡ ᠨᠢᠭᠡ ᠵᠠᠮ】 ᠲᠤᠷᠭᠠᠨ ᠵᠠᠮ ᠤᠨ ᠠᠵᠤ ᠠᠬᠤᠢ ᠤᠨ ᠪᠦᠰᠡ ᠪᠠ 21 ᠳ᠋ᠦᠭᠡᠷ ᠵᠠᠭᠤᠨ ᠤ ᠳᠠᠯᠠᠢ ᠳᠡᠭᠡᠷᠡᠬᠢ ᠲᠤᠷᠭᠠᠨ ᠵᠠᠮ᠃
 
ᠢᠷᠡᠯᠲᠡ᠄ ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号