ᠰᠦᠨᠢᠳ ᠵᠡᠬᠦᠨ ᠬᠤᠰᠢᠭᠤᠨ ᠤ 2015 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2016/8/26
       2016 ᠤᠨ ᠤ 3 ᠰᠠᠷ᠎ᠠ ᠶᠢᠨ 9᠎ ᠤ ᠡᠳᠤᠷ ᠰᠦᠨᠢᠳ ᠵᠡᠬᠦᠨ ᠬᠤᠰᠢᠭᠤᠨ ᠤ ᠠᠷᠪᠠᠨ ᠲᠦᠷᠪᠡᠳᠤᠬᠡᠷ ᠬᠤᠭᠤᠴᠠᠭᠠᠠ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠠ ᠤ ᠬᠤᠷᠠᠯᠳᠤᠭᠠᠨ ᠳᠡᠬᠡᠷ᠎ᠡ              ᠬᠤᠰᠢᠭᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠳᠠᠷᠤᠭ᠎ᠠ    ᠨᠠᠷᠠᠨᠮᠠᠨᠳᠠᠲᠦᠯᠦᠭᠡᠯᠡᠭᠴᠢᠳ᠂ ᠨᠦᠭᠦᠳ ᠡ᠄     ᠲᠤᠤᠷ᠎ᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ︽ᠰᠦᠨᠢᠳ ᠵᠡᠬᠦᠨ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠠ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠶᠢᠨ ᠲᠦᠰᠦᠯ ︵ᠡᠭᠡ ᠨᠤᠤᠷᠠᠭ︶︾ ᠎ ᠢ ᠬᠠᠮᠳᠤ ᠳᠤᠨᠢ ᠬᠢᠨᠠᠨ ᠵᠦᠪᠯᠡᠬᠦ ᠪᠤᠯᠪᠡᠤ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠣᠯᠣᠨ ᠬᠤᠷᠠᠯ ᠳᠤ ᠰᠤᠯᠨ ᠤᠷᠤᠯᠴᠠᠭᠰᠠᠨ ᠨᠦᠬᠦᠳ ᠠᠴᠠ ᠰᠠᠨᠠᠯ ᠳᠤᠷᠠᠳᠤᠯᠭ᠎ᠠ ᠪᠠᠨ ᠳᠡᠪᠰᠢᠬᠦᠯᠬᠦ ᠪᠤᠯᠪᠠᠤ︕     ᠨᠢᠭᠡ᠂ 2015 ᠣᠨ  ᠪᠠ ︽ᠠᠷᠪᠠᠨ ᠬᠤᠶᠠᠳᠤᠭᠠᠷ ᠳᠠᠪᠤᠨ ᠵᠢᠯ︾᠎ ᠤᠨ ᠬᠤᠭᠤᠴᠠᠭᠠᠨ ᠳᠠᠬᠢ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠡᠷᠬᠢᠴᠡᠬᠦᠯᠦᠯ     ᠦᠩᠭᠡᠷᠡᠭᠰᠡᠨ ᠨᠢᠬᠡ ᠵᠢᠯ ᠳᠤ᠂ ᠮᠠᠨ ᠤ ᠬᠤᠰᠢᠭᠤᠨ ᠤ ᠭᠦᠭᠵᠢᠯᠳᠠ ᠳᠤ ᠤᠯᠠᠨ ᠠᠷᠪᠢᠨ ᠬᠦᠴᠢᠷᠳᠡᠯ ᠪᠠ ᠬᠠᠳᠠᠭᠤ ᠰᠢᠷᠦᠬᠦᠨ ᠦᠷᠢᠰᠦᠯᠳᠦᠬᠡᠨ ᠲᠣᠯᠭᠠᠷᠠᠭᠰᠠᠨ ᠶᠤᠮ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠶᠢᠨ ᠳᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠠᠵᠢᠯᠳᠠᠨ᠂ ᠤᠯᠠᠨ ᠳᠦᠮᠡᠨ ᠰᠡᠳᠬᠢᠯ ᠨᠢᠭᠡᠳᠦᠨ ᠭᠦᠴᠦ ᠨᠢᠭᠳᠠᠷᠠᠵᠥ᠂ ᠪᠦᠯᠬᠦᠮᠳᠡᠡ ᠲᠡᠮᠡᠴᠡᠵᠦ᠂ ᠰᠢᠷᠭᠠᠭᠤ ᠬᠠᠳᠠᠭᠤᠵᠢᠯᠳᠡᠢ ᠠᠵᠢᠯᠯᠠᠵᠥ᠂ ᠬᠦᠴᠢᠷ ᠢ ᠳᠤᠭᠤᠯᠤᠨ ᠤᠷᠤᠭᠰᠢᠯᠠᠵᠥ᠂ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠬᠤᠷᠪᠠᠳᠣᠭᠠᠷ ᠣᠳᠠᠭᠠᠨ ᠤ ᠬᠤᠷᠠᠯ ᠠᠴᠠ ᠲᠣᠭᠳᠠᠭᠠᠭᠰᠠᠨ ᠡᠯ᠎ᠡ ᠵᠦᠢᠯ ᠤᠨ ᠡᠭᠦᠷᠭᠡ ᠬᠠᠷᠠᠯᠳᠠ ᠪᠠᠨ ᠨᠡᠯᠢᠶᠡᠳ ᠰᠠᠶᠢᠨ ᠪᠡᠶᠡᠯᠡᠭᠦᠯᠵᠦ᠂ ︽ᠠᠷᠪᠠᠨ ᠬᠤᠶᠡᠳᠤᠭᠠᠷ ᠲᠡᠪᠣᠨ ᠵᠢᠯ︾᠎ ᠤᠨ ᠠᠵᠢᠯ ᠢ ᠲᠡᠭᠦᠰ ᠠᠮᠵᠢᠯᠳᠠ ᠲᠠᠢ  ᠪᠠᠶᠡᠯᠡᠬᠦᠯᠪᠡ᠃ 2015 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠠᠷᠤᠩᠬᠡᠢ ᠦᠷᠲᠡᠭ 49.8 ᠳ᠋ᠦᠩᠰᠢᠭᠤᠷ ᠲᠦᠭᠦᠷᠢᠭ ᠲᠤ ᠬᠦᠷᠴᠦ᠂ 9.9%᠎ ᠪᠠᠷ ᠨᠡᠮᠡᠭᠳᠡᠪᠡ᠃ ᠪᠦᠬᠦ ᠨᠡᠶᠢᠭᠡᠮ ᠤᠨ ᠲᠣᠭᠲᠠᠮᠠᠯ ᠬᠦᠷᠥᠩᠭᠡ ᠶᠢᠨ ᠪᠡᠯᠡ ᠣᠷᠣᠭᠤᠯᠣᠯᠲᠠ 31 ᠳ᠋ᠥᠩᠰᠢᠭᠤᠷ ᠲᠦᠭᠦᠷᠢᠭ ᠲᠤ ᠬᠦᠷᠴᠦ᠂ 19.4%᠎ ᠪᠠᠷ ᠨᠡᠮᠡᠭᠳᠡᠪᠡ᠃ ᠨᠡᠶᠢᠲᠡ ᠶᠢᠨ ᠡᠳ᠋ ᠤᠨ ᠵᠠᠰᠠᠭ ᠤᠨ ᠳᠦᠰᠦᠪᠯᠡᠭᠰᠡᠨ ᠣᠷᠣᠯᠭ᠎ᠠ 2.2 ᠳ᠋ᠦᠩᠰᠢᠭᠤᠷ ᠲᠦᠭᠦᠷᠢᠭ ᠲᠤ ᠬᠦᠷᠴᠦ᠂ 9.9%᠎ ᠪᠠᠷ ᠨᠡᠮᠡᠭᠳᠡᠪᠡ᠃ ᠬᠤᠲᠠ ᠪᠠᠯᠭᠠᠰᠤ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠲᠡᠭᠰᠢᠳᠭᠡᠭᠰᠡᠨ ᠡᠵᠡᠮᠳᠡᠵᠤ ᠪᠤᠯᠬᠤᠶᠢᠴᠡ ᠣᠷᠣᠯᠭ᠎ᠠ 30204 ᠲᠦᠭᠦᠷᠢᠭ ᠲᠤ ᠬᠦᠷᠴᠦ᠂ 8.8%᠎ ᠪᠠᠷ ᠨᠡᠮᠡᠭᠳᠡᠪᠡ︔ ᠮᠠᠯᠵᠢᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠲᠡᠭᠰᠢᠳᠭᠡᠭᠰᠡᠨ ᠡᠵᠡᠮᠳᠡᠵᠤ ᠪᠤᠯᠬᠤᠶᠢᠴᠡ ᠣᠷᠣᠯᠭ᠎ᠠ 11760 ᠲᠦᠭᠦᠷᠢᠭ ᠲᠤ ᠬᠦᠷᠴᠦ᠂ 7.7%᠎ ᠪᠠᠷ ᠨᠡᠮᠡᠭᠳᠡᠵᠦ᠂ ᠠᠵᠦ ᠠᠬᠤᠢ ᠨᠡᠶᠢᠭᠡᠮ ᠤᠨ ᠭᠦᠭᠵᠢᠯᠳᠡ ᠲᠣᠭᠳᠠᠭᠤᠨ ᠢᠶᠠᠷ ᠣᠷᠣᠭᠰᠢᠯᠠᠵᠦ᠂ ᠲᠤᠭᠳᠠᠭᠤᠨ ᠢᠶᠠᠷ ᠰᠠᠶᠢᠵᠢᠷᠠᠪᠠ᠃     ᠨᠢᠭᠡ ᠵᠢᠯ ᠤᠨ ᠲᠣᠷᠰᠢ᠂ ᠪᠢᠳᠡ ᠲᠣᠣᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠠᠭ᠎ᠠ ᠲᠠᠢ ᠬᠢᠪᠡ᠃     ︵ᠨᠢᠭᠡ︶ ᠠᠵᠦ ᠦᠢᠯᠡᠰ ᠤᠨ ᠪᠦᠳᠦᠴᠡ ᠶᠢ ᠶᠡᠬᠡᠪᠡᠷ ᠰᠢᠯᠢᠳᠡᠭᠵᠢᠭᠦᠯᠦᠨ ᠲᠣᠬᠢᠷᠠᠭᠤᠯᠪᠠ᠃ ᠣᠳᠣᠬᠢᠴᠢᠯᠠᠭᠰᠠᠨ ᠮᠠᠯ ᠠᠵᠦ ᠠᠬᠤᠢ ᠶᠢᠨ ᠭᠦᠭᠵᠢᠯᠳᠡ ᠶᠢ ᠲᠦᠷᠬᠡᠳᠬᠡᠪᠡ᠃ ︽ᠮᠠᠯᠵᠢᠯ ᠤᠨ ᠲᠠᠯᠠᠪᠠᠢ + ᠦᠢᠯᠡᠳᠪᠦᠷᠢ + ᠵᠠᠬ᠎ᠠ ᠳᠡᠯᠭᠡᠭᠦᠷ︾᠎ ᠤᠨ ᠠᠵᠦ ᠦᠢᠯᠡᠰᠵᠢᠭᠦᠯᠦᠯᠳᠡ ᠶᠢᠨ ᠭᠦᠭᠵᠢᠯᠳᠡ ᠶᠢᠨ ᠬᠡᠯᠪᠡᠷᠢ ᠶᠢ ᠭᠦᠨᠵᠡᠭᠡᠶᠢᠷᠡᠭᠦᠯᠵᠦ᠂ ᠰᠦᠨᠢᠳ ᠬᠤᠨᠢ ᠮᠠᠯᠵᠢᠬᠤ ᠣᠶᠣᠳᠦ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠬᠦᠯᠬᠦ‍ ᠴᠢᠭ 2᠎ ᠢ ᠪᠠᠶᠢᠭᠤᠯᠵᠤ᠂ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 200 ᠡᠷᠦᠬᠡ ᠪᠠᠶᠢᠭᠤᠯᠵᠥ᠂ ᠡᠵᠡᠩᠨᠡᠯᠳᠡ ᠨᠢ ᠲᠦᠷᠢᠮᠵᠢᠭᠰᠡᠨ 18 ᠬᠤᠷᠰᠢᠵᠢᠶᠠᠯ ᠢ ᠲᠡᠮᠵᠢᠵᠦ᠂ 23 ᠲᠦᠮᠡᠨ ᠲᠣᠯᠣᠭᠠᠢ ᠰᠦᠨᠢᠳ ᠬᠤᠨᠢᠨ ᠳᠤ ᠮᠦᠷᠳᠡᠨ ᠨᠡᠭᠡᠮᠵᠢᠯᠡᠬᠦ ᠲᠠᠩᠰᠠ ᠡᠪᠬᠡᠮᠡᠯ ᠪᠠᠶᠢᠭᠤᠯᠬᠤ ᠶᠢ ᠪᠠᠶᠡᠯᠡᠬᠦᠯᠪᠡ᠃ ᠡᠪᠤᠯᠵᠢᠭ᠍ᠰᠡᠨ ᠮᠠᠯ ᠤᠨ ᠶᠡᠷᠤᠩᠬᠡᠢ ᠲᠤᠭ᠎ᠠ ᠲᠤᠯᠤᠭᠠᠢ ᠨᠢ 103 ᠲᠦᠮᠡᠨ ᠲᠣᠯᠣᠭᠠᠢ ᠳᠤ ᠭᠦᠷᠴᠦ᠂ ᠮᠢᠬᠠᠨ ᠢᠳᠡᠭᠡᠨ ᠢ ᠨᠠᠷᠢᠯᠢᠭ ᠪᠣᠯᠪᠠᠰᠤᠷᠠᠭᠤᠯᠬᠤ ᠲᠣᠭᠤᠷᠢᠭ ᠲᠠᠬᠢ 6 ᠠᠵᠣ ᠠᠬᠤᠶᠢᠯᠠᠯ ᠨᠢ ᠨᠡᠶᠢᠳᠡ 128 ᠲᠦᠮᠡᠨ ᠬᠤᠨᠢᠴᠢᠯᠡᠭ᠌ᠰᠡᠨ ᠨᠢᠭᠡᠴᠢ ᠮᠠᠯ ᠢ ᠡᠳ᠋ᠰᠢᠭᠦᠯᠦᠨ ᠪᠣᠯᠪᠠᠰᠣᠷᠠᠭᠤᠯᠪᠠ᠃ ᠲᠡᠭᠡᠳᠦ ᠲᠡᠰ ᠤᠨ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠭᠡᠷᠡᠭᠯᠡᠭᠡᠨ ᠤ ᠵᠠᠬ᠎ᠠ ᠲᠡᠯᠬᠡᠭᠦᠷ ᠢ ᠢᠳᠡᠪᠬᠢᠲᠠᠢ ᠦᠷᠭᠡᠳᠬᠡᠵᠦ᠂ ᠲᠢᠶᠠᠨ ᠮᠤ᠋᠂ ᠵᠢᠩ ᠳ᠋ᠦᠩ ᠵᠡᠷᠭᠡ ᠰᠦᠯᠵᠢᠶᠡᠨ ᠳᠡᠯᠭᠡᠭᠦᠷ ᠢᠶᠠᠷ 8700 ᠭᠠᠷᠣᠢ ᠬᠤᠨᠢᠨ ᠤ ᠮᠢᠬ᠎ᠠ ᠶᠢ ᠪᠣᠷᠣᠭᠤᠯᠣᠯᠪᠠ᠃ ᠠᠵᠦ ᠦᠢᠯᠡᠳᠪᠦᠷᠢ ᠶᠢ ᠲᠡᠰ ᠲᠡᠪᠰᠢᠭᠦᠯᠦᠨ ᠦᠭᠡᠷᠡᠴᠢᠯᠡᠬᠦ ᠭᠦᠴᠦᠯᠡᠴᠡ ᠪᠠᠨ ᠴᠢᠩᠭᠠᠳᠬᠠᠵᠦ᠂ ᠳ᠋ᠠ ᠲᠠᠩ ᠳ᠋ᠢᠩ ᠸᠠᠩ ᠶᠢᠨ 70 ᠲᠦᠮᠡᠨ ᠲᠤᠨ ᠠᠽᠤᠲ ᠬᠦᠴᠢᠯ ᠤᠨ ᠠᠮᠮᠤᠨᠢ ᠪᠠ ᠨᠡᠶᠢᠯᠡᠮᠡᠯ ᠪᠤᠷᠳᠤᠭᠤᠷ ᠦᠢᠯᠡᠳᠪᠦᠷᠢᠯᠡᠬᠦ᠂ ᠪᠠᠶ᠋ᠬᠠᠭᠤᠯᠠ ᠶᠢᠨ ᠦᠷᠠᠨ ᠭᠠᠷᠭᠠᠬᠤ ᠵᠡᠷᠭᠡ ᠭᠤᠣᠯᠳᠠᠯᠭ᠎ᠠ ᠎ ᠲᠠᠢ ᠲᠦᠷᠦᠯ ᠵᠦᠢᠯ ᠢ ᠲᠣᠭᠳᠠᠭᠤᠨ ᠢᠶᠠᠷ ᠲᠦᠯᠬᠢᠨ ᠠᠬᠢᠭᠤᠯᠪᠠ᠃ ᠳ᠋ᠠ ᠲᠠᠩ ᠰᠢᠨ᠎ᠡ ᠡᠨᠧᠷᠬᠢ ᠶᠢᠨ 3 ᠲᠦᠮᠡᠨ ᠺᠢᠯᠤᠸᠠᠲ ᠰᠠᠯᠬᠢᠨ ᠬᠦᠴᠦᠨ ᠤ ᠴᠠᠬᠢᠯᠭᠠᠨ ᠭᠠᠷᠭᠠᠬᠤ᠂ ᠬᠤᠸᠠᠨ ᠰᠢᠨ 5 ᠲᠦᠮᠡᠨ ᠺᠢᠯᠤᠸᠠᠲ ᠶᠢᠨ ᠭᠡᠷᠡᠯ ᠤᠨ ᠨᠡᠶᠢᠯᠡᠯᠭᠡ ᠪᠠᠷ ᠴᠠᠬᠢᠯᠭᠠᠨ ᠭᠠᠷᠭᠠᠬᠤ ᠲᠦᠷᠦᠯ ᠵᠦᠢᠯ ᠨᠢ ᠦᠨᠳᠦᠰᠦᠨ ᠳᠡᠭᠡᠨ ᠴᠠᠬᠢᠯᠭᠠᠨ ᠭᠠᠷᠭᠠᠬᠤ ᠨᠦᠭᠦᠴᠡᠯ ᠢ ᠪᠦᠷᠢᠯᠳᠦᠭᠦᠯᠪᠡ᠃ ᠣᠳᠣᠬᠢᠴᠢᠯᠠᠭᠰᠠᠨ ᠦᠢᠯᠡᠴᠢᠯᠡᠭᠡᠨ ᠤ ᠠᠵᠦ ᠦᠢᠯᠡᠰ ᠢ ᠭᠦᠴᠦᠯᠡᠨ ᠬᠦᠭᠵᠢᠬᠦᠯᠵᠥ᠂ ᠰᠤᠶᠤᠯ ᠎ ᠤᠨ ᠠᠵᠦ ᠦᠢᠯᠡᠰ ᠢ ᠲᠦᠷᠭᠡᠳᠬᠡᠨ ᠬᠦᠭᠵᠢᠭᠦᠯᠬᠦ ᠰᠠᠨᠠᠯ ᠲᠤᠷᠠᠳᠤᠯᠭ᠎ᠠ ᠶᠢ ᠨᠡᠶᠢᠳᠠᠯᠠᠨ ᠬᠡᠷᠩᠵᠢᠬᠦᠯᠵᠥ᠂ ︽ᠤᠯᠠᠭᠠᠨ ᠢᠳᠡᠭᠡᠨ ᠤ ᠰᠤᠶᠤᠯ ᠤᠨ ᠨᠠᠶᠢᠷ︾ ᠵᠡᠷᠭᠡ ᠭᠠᠵᠠᠷ ᠤᠷᠤᠨ ᠤ ᠤᠨᠴᠠᠯᠢᠭ ᠲᠠᠢ ᠰᠤᠶᠤᠯ ᠤᠨ ᠬᠦᠳᠡᠯᠭᠡᠭᠡᠨ ᠎ ᠢ ᠦᠷᠨᠢᠭᠦᠯᠪᠠ᠃ ᠵᠣᠭᠠᠴᠠᠭᠰᠠᠳ ᠤᠨ ᠲᠤᠭ᠎ᠠ ᠪᠠ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 18% ᠪᠠ 20%᠎ ᠪᠠᠷ ᠨᠡᠮᠡᠭᠳᠡᠪᠡ᠃ ᠡᠯᠧᠺᠲᠷᠣᠨ ᠬᠤᠳᠠᠯᠳᠤᠭ᠎ᠠ᠂ ᠡᠷᠡᠭᠦᠯ ᠴᠢᠬᠢᠷᠠᠭ ᠨᠠᠰᠤᠵᠢᠬᠤ᠂ ᠭᠡᠷ ᠤᠨ ᠶᠠᠪᠤᠳᠠᠯ᠂ ᠪᠣᠳᠠᠰ ᠤᠨ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠢ ᠲᠦᠷᠭᠡᠳᠭᠡᠨ ᠭᠦᠭᠵᠢᠭᠦᠯᠪᠡ᠃     ︵ᠬᠤᠶᠠᠷ︶ ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠪᠠ᠃ ᠬᠤᠳᠠ ᠪᠠᠯᠭᠠᠰᠤ ᠶᠢ ᠨᠤᠭᠤᠭᠠᠷᠠᠭᠤᠯᠤᠨ ᠭᠤᠸᠠᠯᠢᠭᠵᠢᠭᠤᠯᠬᠤ᠂ ᠵᠠᠮ ᠱᠣᠭᠤᠮ ᠢ ᠦᠬᠡᠷᠡᠴᠢᠯᠠᠨ ᠵᠠᠰᠠᠬᠤ᠂ ᠲᠣᠯᠠᠭᠠᠯᠭ᠎ᠠ ᠬᠠᠩᠭᠠᠬᠤ᠂ ᠪᠣᠵᠠᠷ ᠣᠰᠣ ᠶᠢ ᠭᠠᠳᠠᠭᠰᠢᠯᠠᠭᠤᠯᠬᠤ᠂ ᠤᠰᠤᠨ ᠤ ᠡᠬᠢ ᠰᠤᠷᠪᠤᠯᠵᠢ ᠶᠢ ᠦᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠤᠳᠠ ᠲᠣᠭᠤᠷᠢᠭ ᠤᠨ 7 ᠵᠤᠷᠪᠤᠰ ᠵᠠᠰᠠᠮᠠᠯ ᠵᠠᠮ ᠢ ᠵᠠᠯᠭᠠᠯᠳᠤᠭᠤᠯᠤᠨ ᠨᠡᠪᠲᠡᠷᠡᠭᠦᠯᠵᠦ᠂ ᠡᠳᠦᠷ ᠪᠦᠷᠢ ᠶᠢᠨ ᠤᠰᠤ ᠬᠠᠩᠭᠠᠬᠤ ᠴᠢᠳᠡᠪᠤᠷᠢ ᠶᠢ 5000 ᠲᠤᠨ ᠳᠤ ᠭᠦᠷᠭᠡᠵᠦ᠂ ᠬᠤᠭ ᠨᠤᠪᠰᠢ ᠶᠢ ᠰᠢᠢᠳᠪᠦᠷᠢᠯᠡᠬᠦ ᠴᠢᠳᠠᠪᠬᠢ ᠶᠢ 40 ᠲᠤᠨ ᠳᠤ ᠭᠦᠷᠭᠡᠵᠦ᠂ ᠲᠦᠪᠯᠡᠷᠡᠭᠦᠯᠦᠨ ᠳᠤᠯᠠᠭᠠᠯᠠᠭ᠎ᠠ ᠬᠠᠩᠭᠠᠭᠰᠠᠨ ᠲᠠᠯᠠᠪᠠᠢ ᠶᠢ 72 ᠲᠦᠮᠡᠨ ᠲᠡᠭᠰᠢ ᠲᠦᠷᠪᠡᠯᠵᠢᠨ ᠮᠧᠲᠷ ᠲᠤ ᠭᠦᠷᠭᠡᠪᠡ᠃ 35 ᠺᠢᠯᠤᠸᠠᠲ ᠤᠨ ᠬᠦᠴᠦᠳᠡᠯ ᠬᠤᠪᠢᠰᠬᠠᠬᠤ ᠦᠷᠳᠡᠭᠡ 3᠎ ᠶᠢ ᠪᠠᠶᠢᠭᠤᠯᠵᠤ᠂ ᠮᠠᠩᠯᠠᠢ ᠤᠷᠴᠢᠯ ᠲᠤᠭᠤᠷᠢᠭ ᠤᠨ 220 ᠺᠢᠯᠤᠸᠠᠲ ᠤᠨ ᠴᠠᠬᠢᠯᠭᠠᠠ ᠬᠦᠴᠦᠳᠠᠯ ᠬᠤᠪᠢᠰᠬᠠᠬᠤ ᠦᠷᠳᠡᠭᠡ ᠶᠢᠨ ᠪᠠᠷᠢᠯᠭ᠎ᠠ ᠶᠢᠨ ᠠᠵᠢᠯ ᠢ ᠲᠠᠭᠤᠰᠬᠠᠵᠦ᠂ ᠳ᠋ᠠ ᠲᠠᠩ ᠳ᠋ᠢᠩ ᠸᠠᠩ ᠤᠨ 110 ᠺᠢᠯᠤᠸᠠᠲ ᠤᠨ ᠴᠠᠬᠢᠯᠭᠠᠠ ᠬᠦᠴᠦᠳᠠᠯ ᠬᠤᠪᠢᠰᠬᠠᠬᠤ ᠦᠷᠳᠡᠭᠡ ᠶᠢ ᠡᠬᠢᠯᠡᠨ ᠪᠠᠶᠢᠭᠤᠯᠪᠠ᠃ ᠰᠢᠯᠢᠩᠬᠤᠳᠠ ᠠᠴᠠ ᠡᠷᠢᠶᠡᠨ ᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ︵ᠵᠡᠭᠦᠨ ᠰᠦᠨᠢᠳ ᠤᠨ ᠭᠡᠰᠡᠭ︶᠎ ᠶᠢ ᠲᠠᠭᠤᠰᠬᠠᠵᠦ᠂ ᠨᠢᠰᠭᠡᠯ ᠤᠨ ᠲᠠᠯᠠᠪᠤᠷ ᠪᠠᠶᠢᠭᠤᠯᠬᠤ ᠤᠷᠢᠳᠡᠬᠢ ᠠᠵᠢᠯ ᠢ ᠡᠬᠢᠯᠡᠨ ᠶᠠᠪᠣᠭᠳᠠᠭᠤᠯᠵᠦ᠂ ᠮᠠᠯᠵᠢᠬᠤ ᠣᠷᠣᠨ ᠳᠤ 183 ᠺᠢᠯᠤᠮᠧᠲᠷ ᠵᠠᠰᠠᠮᠠᠯ ᠵᠠᠮ ᠢ ᠨᠡᠪᠳᠡᠷᠡᠭᠦᠯᠪᠡ᠃ ᠠᠮᠢ ᠠᠬᠤᠢ ᠶᠢᠨ ᠬᠠᠮᠠᠭᠠᠯᠠᠯᠳᠠ ᠶᠢᠨ ᠪᠦᠳᠤᠬᠡᠨ ᠪᠠᠶᠢᠭᠤᠯᠤᠯᠳᠠ ᠢᠯᠡᠳᠳᠡ ᠠᠮᠵᠢᠯᠳᠠ ᠣᠯᠵᠦ᠂ ᠠᠮᠢ ᠠᠬᠤᠢ ᠪᠣᠯᠪᠠᠰᠣᠨ ᠤ ᠲᠦᠷᠢᠮ ᠎ ᠤᠨ ᠪᠦᠳᠦᠭᠡᠨ ᠪᠠᠶᠢᠭᠤᠯᠣᠯᠳᠠ ᠶᠢᠨ ᠲᠣᠷᠰᠢᠯᠳᠠ ᠶᠢᠨ ᠴᠢᠭ ᠤᠨ ᠠᠵᠢᠯ ᠪᠠ ᠨᠣᠳᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠭᠡ ᠶᠢ ᠨᠣᠳᠠᠯᠠᠬᠤ ᠠᠵᠢᠯ ᠢ ᠡᠬᠢᠯᠡᠨ ᠶᠠᠪᠣᠭᠳᠠᠭᠤᠯᠪᠠ᠃ ᠨᠢᠰᠭᠡᠯ ᠢᠶᠠᠷ ᠣᠶᠢᠵᠢᠭᠤᠯᠣᠭᠰᠠᠨ ᠳᠠᠯᠠᠪᠠᠢ 5 ᠲᠦᠮᠡᠡ ᠮᠤ᠋᠂ ᠡᠯᠡᠰᠦ ᠶᠢ ᠲᠤᠭᠳᠠᠪᠤᠷᠢᠵᠢᠭᠤᠯᠬᠤ ᠢᠨᠵᠢᠨᠧᠷᠢᠩ 3000 ᠮᠤ᠋᠂ ᠭᠤᠣᠯᠳᠠᠯᠭ᠎ᠠ ᠲᠠᠢ ᠣᠷᠣᠨ ᠤ ᠨᠤᠭᠤᠷᠠᠭᠤᠯᠤᠯᠳᠠ ᠶᠢ 1200 ᠮᠦ ᠪᠡᠶᠡᠯᠡᠭᠦᠯᠪᠡ᠃ 180 ᠾᠧᠺᠲ᠋ᠠᠷ ᠠᠭᠤᠷᠬᠠᠢ ᠶᠢᠨ ᠠᠵᠦ ᠠᠬᠤᠶᠢᠯᠠᠯ ᠤᠨ ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠵᠦ᠂ 145 ᠾᠧᠺᠲ᠋ᠠᠷ  ᠬᠠᠶᠠᠭᠳᠠᠮᠠᠯ ᠨᠦᠬᠡ ᠬᠤᠩᠬᠢᠯ ᠢ ᠵᠠᠰᠠᠨ ᠰᠠᠶᠢᠵᠢᠷᠠᠭᠤᠯᠪᠠ᠃     ︵ᠭᠤᠷᠪᠠ︶ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠪᠠ᠃ ᠪᠦᠬᠦ ᠵᠢᠯ ᠤᠨ ᠠᠷᠠᠳ ᠤᠨ ᠠᠮᠢᠳᠣᠷᠠᠯ ᠪᠠ ᠨᠡᠶᠢᠭᠡᠮ ᠤᠨ ᠦᠢᠯᠡᠰ ᠲᠤ ᠵᠠᠷᠣᠴᠠᠭᠤᠯᠣᠭᠰᠠᠨ ᠵᠠᠷᠤᠳᠠᠯ ᠨᠢ ᠡᠳ᠋ ᠶᠢᠨ ᠵᠠᠰᠠᠭ ᠤᠨ ᠶᠡᠷᠤᠩᠬᠡᠢ ᠵᠠᠷᠤᠳᠠᠯ ᠶᠢᠨ 74 %᠎ ᠶᠢ ᠡᠵᠡᠯᠡᠪᠡ᠃ ︽ᠠᠷᠪᠡ ᠶᠢ ᠪᠦᠷᠬᠦᠭᠦᠯᠬᠦ ᠢᠨᠵᠧᠨᠧᠷᠢᠩ︾᠎ ᠢ ᠯᠠᠪᠳᠠᠭᠤᠨ ᠪᠠᠳᠣᠲᠠᠢ ᠲᠦᠯᠬᠢᠨ ᠠᠬᠢᠭᠤᠯᠵᠦ᠂ ᠤᠳᠤᠷᠢᠳᠤᠯᠭ᠎ᠠ ᠪᠠᠨ ᠴᠢᠩᠭᠠᠤᠠᠬᠠᠵᠥ᠂ ᠪᠡᠯᠡ ᠣᠷᠣᠭᠤᠯᠬᠤ ᠪᠠ ᠲᠦᠷᠦ ᠶᠢᠨ ᠪᠣᠳᠣᠯᠭ᠎ᠠ ᠎ ᠪᠠᠷ ᠲᠡᠮᠵᠢᠬᠦ ᠭᠦᠴᠦᠯᠡᠴᠡ ᠪᠠᠨ ᠴᠢᠩᠭᠠᠷᠠᠭᠤᠯᠵᠥ᠂ 3.9 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ︽ᠠᠷᠪᠡ ᠶᠢ ᠪᠦᠷᠬᠦᠭᠦᠯᠬᠦ ᠢᠨᠵᠧᠨᠧᠷᠢᠩ︾᠎ ᠤᠨ 80%᠎ ᠤᠨ ᠠᠵᠢᠯ ᠢ ᠪᠡᠶᠡᠯᠡᠭᠦᠯᠪᠡ᠃ ᠡᠯ᠎ᠡ ᠰᠤᠮᠤ ᠪᠠᠯᠭᠠᠰᠤᠨ ᠤ ᠰᠠᠭᠤᠭᠠᠯᠢ ᠲᠤᠭᠤᠷᠢᠭ ᠤᠨ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠬᠦ ᠠᠵᠢᠯ ᠢ ᠦᠷᠨᠢᠭᠦᠯᠵᠦ᠂ ᠮᠠᠯᠵᠢᠬᠤ ᠤᠷᠤᠨ ᠤ ᠦᠨᠳᠦᠰᠦᠨ ᠰᠠᠭᠤᠷᠢ ᠪᠦᠲᠦᠭᠡᠨ ᠪᠠᠶᠢᠭᠤᠯᠤᠯᠳᠠ ᠪᠠ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠪᠠ᠃ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠭᠦᠴᠦᠯᠡᠴᠡ ᠎ ᠪᠠᠨ ᠴᠢᠩᠭᠠᠳᠬᠠᠵᠦ᠂ ᠮᠦᠩᠬᠦᠨ ᠭᠦᠢᠯᠭᠡᠭᠡᠨ ᠤ ᠶᠠᠳᠠᠭᠤ ᠶᠢ ᠳᠡᠳᠬᠦᠬᠦ ᠵᠢᠭᠡᠯᠡᠯᠭᠡ ᠶᠢ 5211 ᠳᠦᠮᠡᠨ ᠳᠦᠬᠦᠷᠢᠭ ᠲᠠᠯᠪᠢᠵᠤ᠂182 ᠡᠷᠦᠬᠡ᠂ 585 ᠬᠦᠮᠦᠨ ᠢ ᠳᠤᠭᠲᠠᠭᠤᠨ ᠢᠶᠠᠷ ᠶᠠᠲᠠᠭᠤ ᠠᠴᠠ ᠠᠩᠭᠢᠵᠢᠷᠠᠭᠤᠯᠪᠠ᠃ ︽ᠣᠯᠠᠨ ᠎ ᠢᠶᠠᠷ ᠢᠶᠠᠨ ᠠᠳᠠᠯ ᠦᠢᠯᠡᠰ ᠴᠤᠭᠴᠠᠯᠠᠨ ᠪᠦᠭᠦᠳᠡᠭᠡᠷ ᠢᠶᠠᠨ ᠰᠢᠨ᠎ᠡ ᠶᠢ ᠡᠭᠦᠳᠬᠦ︾᠎ ᠶᠢ ᠲᠦᠯᠬᠢᠨ ᠠᠬᠢᠭᠤᠯᠵᠦ᠂ ᠦᠢᠯᠡᠰ ᠴᠣᠭᠴᠠᠯᠠᠬᠤ ᠪᠠᠲᠦᠯᠠᠭᠠᠨ ᠤ ᠵᠢᠭᠡᠯᠡᠯᠭᠡ ᠶᠢ 2610 ᠳᠦᠮᠡᠨ ᠳᠦᠬᠦᠷᠢᠭ ᠲᠠᠯᠪᠢᠵᠤ᠂ ᠠᠶᠢᠮᠠᠭ ᠤᠨ ᠲᠡᠰ ᠎ ᠤᠨ ᠰᠤᠶᠤᠯ ᠤᠨ ᠦᠢᠯᠡᠰ ᠪᠦᠳᠤᠬᠡᠬᠦ ᠬᠦᠷᠢᠶᠡᠯᠡᠩ ᠪᠠ ᠬᠤᠰᠢᠭᠤ ᠲᠡᠰ ᠤᠨ ᠠᠳᠠᠯ ᠦᠢᠯᠡᠰ ᠪᠦᠳᠤᠬᠡᠬᠦ ᠬᠦᠷᠢᠶᠠᠯᠡᠩ ᠢ ᠲᠤᠰᠪᠦᠷᠢ 1 ᠪᠠᠶᠢᠭᠤᠯᠪᠠ᠃ ᠨᠡᠶᠢᠲᠡ 5511 ᠠᠵᠢᠯ ᠤᠨ ᠪᠠᠶᠢᠷᠢ ᠶᠢ ᠴᠣᠭᠯᠠᠭᠤᠯᠵᠦ᠂ 2219 ᠬᠦᠮᠦᠨ ᠳᠤ ᠠᠵᠢᠯ ᠣᠯᠭᠤᠵᠦ᠂ ᠬᠤᠲᠠ ᠪᠠᠯᠭᠠᠰᠤᠨ ᠤ ᠠᠵᠢᠯ ᠠᠯᠳᠠᠭᠰᠡᠳ ᠤᠨ ᠨᠣᠷᠮ᠎ᠠ ᠶᠢ 2%᠎ ᠶᠢᠨ ᠳᠣᠳᠣᠷ᠎ᠠ ᠬᠢᠵᠡᠭᠠᠷᠯᠠᠪᠠ᠃ ᠨᠡᠶᠢᠭᠡᠮ ᠤᠨ ᠪᠠᠳᠣᠯᠠᠭᠠᠨ ᠤ ᠰᠢᠰᠲ᠋ᠧᠮ ᠢ ᠲᠡᠭᠦᠯᠲᠡᠷᠵᠢᠭᠦᠯᠵᠦ᠂ ᠬᠤᠳᠠ ᠬᠦᠳᠡᠭᠡ ᠶᠢᠨ ᠲᠤᠤᠷ᠎ᠠ ᠪᠠᠳᠤᠯᠠᠭᠠᠨ ᠤ ᠪᠠᠷᠢᠮᠵᠢᠶ᠎ᠠ ᠶᠢ ᠲᠤᠰᠪᠦᠷᠢ 15%᠎ ᠪᠠᠷ ᠲᠡᠬᠡᠭᠰᠢᠯᠡᠬᠦᠯᠵᠥ᠂ ᠲᠠᠪᠤᠨ ᠪᠠᠲᠦᠯᠠᠭᠠᠲᠦ ᠡᠷᠤᠬᠡ ᠎ ᠶᠢ ᠲᠦᠪᠯᠡᠷᠡᠭᠦᠯᠦᠨ ᠠᠰᠠᠷᠠᠬᠤ ᠪᠠ ᠠᠰ ᠳᠤᠨᠢ ᠠᠰᠠᠷᠠᠬᠤ ᠪᠠᠷᠢᠮᠵᠢᠶ᠎ᠠ ᠶᠢ ᠴᠦᠮ 15 % ᠪᠠ 10 %᠎ ᠪᠠᠷ ᠳᠡᠭᠡᠭᠰᠢᠯᠡᠭᠦᠯᠪᠡ᠃ ᠬᠤᠳᠠ ᠪᠠᠯᠭᠠᠰᠤᠨ ᠤ ᠠᠵᠢᠯᠳᠠᠳ ᠤᠨ ᠨᠠᠰᠤᠵᠢᠯ᠂ ᠡᠮ ᠡᠮᠨᠡᠯᠬᠡ᠂ ᠬᠦᠩᠬᠡᠵᠢᠯ ᠤᠨ ᠳᠠᠭᠠᠳᠬᠠᠯ ᠳᠤ ᠤᠷᠤᠯᠴᠠᠭᠰᠠᠨ ᠨᠤᠷᠮ᠎ᠠ ᠶᠢ ᠴᠦᠮ 100%᠎ ᠳᠤ ᠬᠦᠷᠭᠡᠪᠡ᠃ ᠰᠢᠨ᠎ᠡ ᠪᠠᠷ 100 ᠢᠵᠢ ᠨᠡᠶᠢᠳᠡ ᠎ ᠶᠢᠨ ᠲᠦᠷᠢᠶᠡᠰᠤᠨ ᠭᠡᠷ ᠢ ᠪᠠᠶᠢᠭᠤᠯᠵᠦ᠂ 277 ᠡᠷᠤᠬᠡ ᠶᠢᠨ ᠬᠠᠭᠤᠴᠢᠨ ᠭᠡᠷ ᠪᠠᠶᠢᠰᠢᠩ ᠢ ᠦᠬᠡᠷᠡᠴᠢᠯᠠᠨ ᠰᠠᠶᠢᠵᠢᠷᠠᠭᠤᠯᠪᠡ᠃     ︵ᠲᠦᠷᠪᠡ︶ ᠡᠯ᠎ᠡ ᠲᠦᠷᠦᠯ ᠤᠨ ᠨᠡᠶᠢᠭᠡᠮ ᠤᠨ ᠠᠵᠦ ᠦᠢᠯᠡᠰ ᠢ ᠲᠦᠷᠬᠡᠤᠡᠬᠡᠨ ᠭᠦᠭᠵᠢᠭᠦᠯᠪᠡ᠃ ᠰᠠᠭᠤᠷᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠢ ᠳᠡᠭᠡᠭᠰᠢᠯᠡᠭᠦᠯᠬᠦ ᠭᠤᠷᠪᠡᠨ ᠵᠢᠯ ᠤᠨ ᠲᠦᠰᠦᠪ ᠢ ᠬᠡᠷᠡᠭᠵᠢᠭᠦᠯᠵᠦ᠂ ᠬᠢᠴᠢᠶᠠᠯ ᠤᠨ ᠲᠢᠩᠬᠢᠮ ᠤᠨ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠡᠯ᠎ᠡ ᠰᠤᠷᠭᠠᠭᠤᠯᠢ ᠎ ᠶᠢ ᠴᠦᠮ ᠪᠠᠷᠢᠮᠵᠢᠶᠠᠵᠢᠭ᠍ᠰᠡᠨ ᠵᠢᠭᠠᠨ ᠰᠤᠷᠭᠠᠯᠳᠠ ᠶᠢᠨ ᠨᠦᠬᠦᠴᠡᠯ ᠳᠤ ᠭᠦᠷᠭᠡᠪᠡ᠃ ᠤᠯᠠᠨ ᠨᠡᠶᠢᠳᠡ ᠶᠢᠨ ᠰᠤᠶᠤᠯ ᠎ ᠤᠨ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠪᠠᠷ ᠪᠦᠷᠢᠨᠰᠢᠭᠦᠯᠵᠦ᠂ ᠨᠡᠶᠢᠷ ᠤᠨ ᠲᠠᠯᠠᠪᠠᠢ ᠵᠢᠴᠢ ᠲᠠᠭᠠᠯᠳᠠ ᠲᠦᠭᠦᠭᠡᠷᠦᠮᠵᠢ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠤ ᠲᠦᠪ ᠵᠡᠷᠭᠡ ᠠᠷᠠᠳ ᠲᠤ ᠠᠰᠢᠭᠲᠠᠢ ᠢᠨᠵᠢᠨᠧᠷᠢᠩ ᠢ ᠦᠷᠬᠦᠯᠵᠢᠯᠡᠨ ᠪᠠᠶᠢᠭᠤᠯᠪᠠ᠃ ᠦᠪᠡᠷᠲᠡᠭᠡᠨ ᠵᠠᠰᠠᠬᠤ ᠤᠷᠤᠨ ᠠᠴᠠ ᠮᠠᠨ ᠤ ᠬᠤᠰᠢᠭᠤ ᠎ ᠶᠢ ︽ᠰᠢᠯᠢ ᠶᠢᠨ ᠭᠤᠤᠯ ᠠᠶᠢᠮᠠᠭ ᠤᠨ ᠮᠤᠩᠭᠤᠯ ᠵᠦᠴᠤᠭᠡ ᠶᠢ ᠵᠤᠬᠢᠶᠠᠨ ᠪᠦᠲᠦᠭᠡᠬᠦ ᠦᠢᠯᠡᠳᠤᠯᠭᠡ ᠶᠢᠨ ᠰᠠᠭᠤᠷᠢᠨ ᠭᠠᠵᠠᠷ︾᠎ ᠢᠶᠠᠷ ᠨᠡᠷᠡᠶᠢᠳᠴᠦ᠂ ᠪᠤᠳᠠᠷ ᠴᠢᠯᠠᠭᠤᠨ ᠤᠢ ᠨᠢ ︽ᠤᠷᠤᠨ ᠤ ᠲᠡᠰ ᠤᠨ ᠭᠠᠵᠠᠷ  ᠰᠢᠨᠵᠢᠯᠡᠭᠡᠨ ᠤ ᠭᠦᠷᠢᠶᠡᠯᠡᠩ︾᠎ ᠢᠶᠠᠷ ᠵᠦᠪᠰᠢᠶᠡᠷᠡᠳᠡᠭᠰᠡᠨ ᠪᠠᠶᠢᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠮᠠᠯᠵᠢᠬᠤ ᠤᠷᠤᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠰᠢᠨ᠎ᠡ ᠬᠡᠯᠪᠡᠷ ᠶᠢᠨ ᠬᠤᠷᠰᠢᠭᠰᠡᠨ ᠡᠮᠨᠡᠯᠭᠡ ᠳᠤ ᠤᠷᠤᠯᠴᠠᠭᠰᠡᠨ ᠨᠤᠷᠮ᠎ᠠ ᠶᠢ 100%᠎ ᠳᠤ ᠬᠦᠷᠭᠡᠵᠦ᠂ ᠵᠢᠷᠮᠤᠰᠦᠯᠡᠬᠦ ᠠᠴᠠ ᠡᠮᠤᠨᠡᠬᠢ ᠰᠢᠯᠢᠳᠡᠭ ᠲᠦᠷᠦᠬᠦ ᠡᠷᠡᠭᠦᠯ ᠮᠡᠨᠳᠦ ᠶᠢᠨ ᠪᠠᠶᠢᠴᠠᠭᠠᠯᠳᠡ ᠶᠢᠨ ᠲᠦᠷᠦᠯ ᠵᠦᠢᠯ ᠤᠨ ᠪᠦᠷᠭᠦᠯᠳᠡ ᠶᠢᠨ ᠨᠤᠷᠮ᠎ᠠ ᠶᠢ 80%᠎ ᠠᠴᠠ ᠳᠡᠭᠡᠭᠰᠢ ᠳᠤ ᠭᠦᠷᠭᠡᠪᠡ᠃     ︵ᠲᠠᠪᠤ︶ ᠵᠠᠰᠠᠭ ᠤᠨ ᠤᠷᠳᠦᠨ ᠤ ᠳᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠪᠠ ᠨᠡᠶᠢᠬᠡᠮ ᠢ ᠶᠡᠷᠤᠩᠬᠡᠶᠢᠯᠡᠨ ᠵᠠᠰᠠᠬᠤ ᠬᠢᠷᠢ ᠳᠦᠪᠰᠢᠨ ᠢᠶᠠᠨ ᠳᠡᠭᠡᠭᠰᠢᠯᠡᠬᠦᠯᠪᠡ᠃ ᠬᠠᠤᠯᠢᠵᠢᠭᠰᠠᠨ ᠵᠠᠰᠠᠭ ᠤᠨ ᠤᠷᠳᠦᠨ ᠢ ᠪᠠᠶᠢᠭᠤᠯᠬᠤ ᠶᠢ ᠳᠦᠷᠭᠡᠳᠬᠡᠵᠦ᠂ ᠠᠷᠠᠳᠴᠢᠯᠠᠯ ᠢᠶᠠᠷ ᠵᠦᠪᠯᠡᠬᠦ ᠪᠦᠳᠦᠬᠡᠨ ᠪᠠᠶᠢᠭᠤᠯᠤᠯᠳᠠ ᠶᠢ ᠳᠦᠯᠬᠢᠨ ᠠᠬᠢᠭᠤᠯᠵᠤ ᠂ ᠠᠷᠠᠳ ᠤᠨ ᠳᠦᠯᠦᠭᠡᠯᠡᠭᠴᠢᠳ ᠤᠨ ᠳᠤᠷᠠᠳᠤᠭᠰᠠᠨ ᠰᠠᠨᠠᠯ ᠲᠣᠷᠠᠳᠣᠯᠭ᠎ᠠ ᠶᠢ 122 ᠬᠤᠪᠢ᠂ ᠤᠯᠤᠰ ᠳᠦᠷᠦ ᠎ ᠶᠢᠨ ᠵᠦᠪᠯᠡᠯᠭᠡᠨ ᠤ ᠬᠡᠰᠢᠬᠦᠨ ᠤ ᠳᠤᠷᠠᠳᠤᠭᠰᠠᠨ ᠰᠠᠨᠠᠯ ᠵᠦᠪᠯᠡᠯᠭᠡ ᠶᠢ 77 ᠬᠤᠪᠢ ᠰᠢᠢᠳᠪᠤᠷᠢᠯᠡᠵᠦ᠂ ᠬᠠᠷᠢᠭᠤᠯᠤᠭᠰᠠᠨ ᠨᠤᠷᠮ᠎ᠠ ᠨᠢ 100%᠎ ᠳᠤ ᠬᠦᠷᠪᠡ᠃   ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ ᠳᠤᠰᠬᠠᠢ ᠰᠡᠳᠦᠪᠳᠦ ᠬᠦᠮᠦᠵᠢᠯ ᠢ ᠬᠦᠨᠵᠡᠬᠡᠢ ᠦᠷᠨᠢᠬᠦᠯᠵᠦ᠂ᠳᠦᠪ ᠤᠨ ᠨᠠᠢᠮᠠᠨ ᠵᠤᠷᠪᠤᠰ ᠳᠤᠭᠳᠠᠭᠠᠯ ᠤᠨ ᠵᠤᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠳᠦᠷᠪᠡᠨ ᠰᠤᠷᠳᠠᠯ︾᠎ ᠢ ᠬᠠᠯᠠᠨ ᠰᠠᠶᠢᠵᠢᠷᠠᠭᠤᠯᠵᠤ᠂ ᠳᠦᠷᠦ ᠶᠢᠨ ᠶᠠᠪᠤᠳᠠᠯ ᠤᠨ ᠬᠤᠷᠢᠶᠠᠨ ᠤ ︽ᠭᠤᠷᠪᠠᠨ ᠰᠠᠬᠢᠯᠭ᠎ᠠ︾᠎ ᠶᠢ ᠰᠠᠶᠢᠳᠤᠷ ᠬᠡᠷᠡᠭᠵᠢᠬᠦᠯᠪᠡ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠬᠤ ᠬᠢᠨᠠᠯᠳᠠ ᠶᠢᠨ ᠬᠦᠴᠦᠯᠡᠴᠡ ᠶᠢ ᠴᠢᠩᠭᠠᠳᠬᠠᠪᠠ᠃ ᠨᠠᠮ ᠤᠨ ᠠᠷᠢᠭᠤᠨ ᠴᠢᠭᠡᠴᠢ ᠎ ᠪᠠᠷ ᠵᠠᠰᠠᠭ ᠪᠠᠷᠢᠬᠤ ᠪᠦᠳᠤᠬᠡᠨ ᠪᠠᠶᠢᠭᠤᠯᠤᠯᠳᠠ ᠵᠢᠴᠢ ᠢᠯᠵᠡᠷᠡᠯ ᠢ ᠡᠰᠡᠷᠭᠦᠴᠡᠬᠦ ᠠᠵᠢᠯᠯᠠᠭ᠎ᠠ ᠶᠢ ᠬᠦᠴᠤᠳᠡᠢ ᠳᠦᠯᠬᠢᠨ ᠠᠬᠢᠭᠤᠯᠵᠤ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠬᠢᠷᠢ ᠳᠦᠪᠰᠢᠨ ᠢ ᠮᠡᠳᠡᠭᠳᠡᠮ᠎ᠡ ᠲᠡᠬᠡᠭᠰᠢᠯᠡᠬᠦᠯᠪᠡ᠃ ᠨᠡᠶᠢᠭᠡᠮ ᠤᠨ ᠠᠮᠤᠷ ᠲᠦᠪᠰᠢᠨ ᠢ ᠶᠡᠷᠤᠩᠬᠡᠶᠢᠯᠡᠨ ᠵᠠᠰᠠᠬᠤ ᠠᠵᠢᠯ ᠳᠤ ᠰᠢᠨ᠎ᠡ ᠶᠢ ᠡᠬᠦᠤᠨᠴᠥ᠂ ᠨᠠᠶᠢᠬᠡᠮ ᠤᠨ ᠵᠦᠷᠢᠴᠡᠯ ᠵᠢᠭᠤᠷᠭᠠᠨ ᠢ ᠪᠠᠶᠢᠴᠠᠭᠠᠨ ᠰᠢᠢᠤᠡᠪᠤᠷᠢᠯᠡᠬᠦ ᠠᠵᠢᠯ ᠢ ᠬᠦᠡᠵᠡᠬᠡᠢ ᠦᠷᠨᠢᠬᠦᠯᠵᠤ᠂ 36 ᠬᠤᠪᠢ ᠡᠬᠡᠳᠡᠷᠡᠬᠡᠨ ᠎ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠵᠠᠷᠭᠤ ᠶᠢ ᠲᠦᠪᠯᠡᠷᠡᠬᠦᠯᠤᠨ ᠰᠢᠢᠤᠡᠪᠤᠷᠢᠯᠡᠵᠤ᠂ ᠨᠠᠶᠢᠬᠡᠮ ᠤᠨ ᠵᠦᠷᠢᠴᠡᠯ ᠵᠢᠭᠤᠷᠭᠠᠨ ᠢ ᠡᠶᠡᠳᠦᠭᠦᠯᠵᠦ ᠵᠤᠬᠢᠴᠠᠭᠤᠯᠤᠭᠰᠠᠨ ᠨᠤᠷᠮ᠎ᠠ ᠪᠠ ᠰᠢᠢᠤᠡᠪᠤᠷᠢᠯᠡᠭᠰᠡᠨ ᠨᠤᠷᠮ᠎ᠡ ᠶᠢ ᠴᠦᠮ 97%᠎ ᠠᠴᠠ ᠲᠡᠬᠡᠭᠰᠢ ᠳᠤ ᠬᠦᠷᠭᠡᠪᠡ᠃ ᠠᠶᠣᠯᠭᠦᠢ ᠦᠢᠯᠡᠳᠪᠦᠷᠢᠯᠡᠯ ᠤᠨ ᠠᠮᠦᠷ ᠲᠦᠪᠰᠢᠨ ᠤ ᠪᠠᠶᠢᠴᠠᠭᠠᠯᠳᠠ ᠪᠠ ᠳᠤᠰᠬᠠᠢ ᠴᠡᠭᠴᠡᠯᠡᠵᠦ ᠵᠠᠰᠠᠬᠤ ᠠᠵᠢᠯᠯᠠᠭ᠎ᠠ ᠶᠢ ᠪᠦᠬᠦ ᠳᠠᠯ᠎ᠠ ᠪᠠᠷ ᠦᠷᠨᠢᠬᠦᠯᠦᠨ᠂ ᠪᠦᠬᠦ ᠵᠢᠯ ᠳᠤ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠭᠠᠬᠤ ᠦᠬᠡᠢ ᠪᠠᠶᠢᠬᠤ ᠶᠢ ᠪᠠᠲᠤᠯᠠᠵᠤ᠂ ᠢᠳᠡᠭᠡᠨ ᠤᠮᠳᠠᠭᠠᠨ᠂ ᠡᠮ ᠤᠨ ᠵᠦᠢᠯᠡᠰ ᠤᠨ ᠠᠮᠤᠷ ᠳᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠠᠷᠠᠳ ᠳᠦᠮᠡᠨ ᠤ ︽ᠢᠳᠡᠬᠡᠨ ᠤ ᠠᠶᠣᠯᠭᠦᠢ︾ ᠎ ᠢ ᠪᠠᠳᠤᠯᠠᠪᠠ᠃     ᠳᠦᠯᠦᠭᠡᠯᠡᠭᠴᠢᠳ ᠨᠦᠬᠦᠳ ᠡ᠂ 2015 ᠤᠨ ᠪᠤᠯ ︽ᠠᠷᠪᠠᠨ ᠬᠤᠶᠠᠳᠤᠭᠠᠷ ᠳᠠᠪᠤᠨ ᠵᠢᠯ︾᠎ ᠤᠨ ᠳᠡᠬᠦᠰᠬᠡᠯ ᠤᠨ ᠵᠢᠯ ᠪᠤᠯᠬᠤ ᠶᠤᠮ᠃ ᠦᠩᠭᠡᠷᠡᠭᠰᠡᠨ ᠳᠠᠪᠤᠨ ᠵᠢᠯ ᠢ ᠡᠷᠬᠢᠴᠡᠬᠦᠯᠪᠡᠯ᠂ ᠪᠢᠳᠡᠨ ᠳᠤ ᠬᠡᠳᠦᠶᠢᠪᠡᠷ ᠮᠠᠯ ᠎ ᠤᠨ ᠦᠨ᠎ᠡ ᠪᠠᠭᠤᠷᠠᠵᠤ᠂ ᠠᠵᠤ ᠦᠢᠯᠡᠳᠪᠤᠷᠢ ᠶᠢᠨ ᠬᠦᠭᠵᠢᠯᠳᠠ ᠤᠳᠠᠭᠠᠰᠢᠷᠠᠭᠰᠠᠨ ᠵᠡᠷᠬᠡ ᠨᠠᠷᠢᠨ ᠪᠣᠳᠣᠯᠢᠶᠠᠠᠲᠠᠢ ᠣᠯᠠᠨ ᠬᠦᠴᠢᠷ ᠪᠡᠷᠭᠡᠰᠢᠶᠡᠯ ᠳᠤᠯᠭᠠᠷᠠᠭᠰᠠᠨ ᠪᠤᠯᠪᠠᠴᠦ ᠠᠵᠤ ᠠᠬᠤᠢ ᠳᠤᠭᠳᠠᠭᠤᠨ ᠢᠶᠠᠷ ᠬᠦᠭᠵᠢᠬᠦ ᠶᠢ ᠪᠠᠳᠤᠯᠠᠵᠤ᠂ ᠨᠡᠶᠢᠭᠡᠮ ᠨᠡᠶᠢᠳᠡ ᠶᠢᠨ ᠪᠦᠳᠦᠬᠡᠨ ᠪᠠᠶᠢᠭᠤᠯᠤᠯᠳᠠ ᠪᠦᠬᠦ ᠳᠠᠯ᠎ᠠ ᠪᠠᠷ ᠳᠡᠭᠡᠭᠰᠢᠯᠡᠭᠰᠡᠨ ᠪᠠᠶᠠᠷᠯᠠᠰᠢᠭᠤᠳᠠᠢ ᠠᠮᠵᠢᠯᠳᠠ ᠶᠢ ᠤᠯᠪᠠ᠃ ᠳᠠᠪᠤᠨ ᠵᠢᠯ ᠤᠨ ᠳᠤᠷᠰᠢ᠂ ᠪᠢᠳᠡ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠵᠤ᠂ ᠬᠦᠭᠵᠢᠯᠳᠠ ᠶᠢᠨ ᠠᠵᠠ ᠳᠤᠬᠢᠶᠠᠯ ᠢ ᠴᠢᠩᠭ᠎ᠠ ᠠᠳᠬᠤᠵᠤ᠂ ᠡᠯ᠎ᠡ ᠵᠦᠢᠯ ᠤᠨ ᠦᠷᠢᠰᠦᠯᠳᠦᠬᠡᠨ ᠢ ᠢᠯᠠᠨ ᠳᠠᠪᠠᠵᠤ᠂ ᠠᠵᠤ ᠠᠬᠤᠢ ᠨᠡᠶᠢᠭᠡᠮ ᠢᠯᠡᠳᠳᠡ ᠠᠮᠵᠢᠯᠳᠠ ᠤᠯᠪᠠ᠃     ︵ᠨᠢᠬᠡ︶ ᠶᠡᠷᠥᠩᠬᠡᠢ ᠬᠦᠴᠦᠨ ᠶᠡᠬᠡᠳᠡ ᠳᠡᠭᠡᠭᠰᠢᠯᠡᠵᠦ᠂ ᠠᠵᠤ ᠠᠬᠤᠢ ᠶᠢᠨ ᠪᠦᠲᠦᠴᠡ ᠲᠠᠰᠤᠷᠤᠯᠳᠠ ᠦᠬᠡᠢ ᠰᠢᠯᠢᠳᠡᠭᠵᠢᠪᠡ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠤᠩᠬᠡᠢ ᠦᠷᠳᠡᠭ᠂ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠤᠩᠬᠡᠢ ᠤᠷᠤᠯᠭ᠎ᠠ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠢ ᠬᠡᠮᠵᠢᠶ᠎ᠡ ᠨᠢ ᠳᠠᠪᠤᠨ ᠵᠢᠯ ᠳᠤ ᠳᠠᠬᠢᠨ ᠢᠶᠠᠷ ᠨᠡᠮᠡᠭᠳᠡᠪᠡ᠃ ᠪᠦᠬᠦ ᠨᠡᠶᠢᠭᠡᠮ ᠤᠨ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ ᠵᠢᠯ ᠪᠦᠷᠢ 27 ᠳ᠋ᠦᠩᠰᠢᠭᠤᠷ ᠲᠦᠭᠦᠷᠢᠭ ᠠᠴᠠ ᠳᠡᠭᠡᠭᠰᠢ ᠪᠠᠶᠢᠯᠭᠠᠬᠤ ᠶᠢ ᠪᠠᠳᠣᠯᠠᠵᠦ᠂ ᠶᠡᠷᠦᠩᠬᠡᠢ ᠪᠡᠯᠡ ᠣᠷᠣᠭᠤᠯᠣᠯᠳᠠ ᠨᠢ ︽ᠠᠷᠪᠠᠨ ᠨᠢᠬᠡᠳᠦᠭᠡᠷ ᠳᠠᠪᠤᠨ ᠵᠢᠯ︾᠎ ᠤᠨ ᠬᠤᠭᠤᠴᠠᠭᠠᠨ ᠤ ᠬᠤᠶᠠᠷ ᠲᠠᠬᠢᠨ ᠭᠦᠷᠪᠡ᠃ ︽ᠠᠷᠪᠠᠨ ᠨᠢᠬᠡᠳᠦᠭᠡᠷ ᠳᠠᠪᠤᠨ ᠵᠢᠯ︾᠎ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠶᠡᠷᠦᠩᠭᠡᠢ ᠬᠡᠮᠵᠢᠶ᠎ᠡ ᠨᠢ ᠳᠠᠰᠤᠷᠠᠯᠳᠠ ᠦᠬᠡᠢ ᠨᠡᠮᠡᠭᠳᠡᠨ᠂ ᠪᠦᠳᠦᠴᠡ ᠨᠢ ᠤᠯᠠᠮ ᠢᠶᠠᠷ ᠰᠢᠯᠢᠳᠡᠭᠵᠢᠵᠦ᠂ ᠴᠢᠨᠠᠷ ᠴᠢᠨᠠᠰᠠᠭ᠎ᠠ ᠦᠷ᠎ᠠ ᠠᠰᠢᠭ ᠨᠢ ᠶᠡᠭᠡ ᠬᠡᠮᠵᠢᠶ᠎ᠠ ᠪᠠᠷ ᠳᠡᠭᠡᠭᠰᠢᠯᠡᠭᠰᠡᠨ ᠪᠠᠶᠢᠨ᠎ᠠ᠃ ᠭᠤᠷᠪᠠᠨ ᠦᠢᠯᠡᠳᠪᠤᠷᠢᠯᠡᠯ ᠤᠨ ᠡᠵᠡᠯᠡᠬᠦ ᠬᠠᠷᠢᠴᠡᠯ ᠨᠢ 12᠄ 68᠄ 20 ᠪᠤᠯᠵᠤ ᠳᠡᠭᠡᠭᠰᠢᠯᠡᠨ᠂ ᠠᠵᠤ ᠠᠬᠤᠶᠢᠯᠠᠯ ᠢᠶᠠᠷ ᠭᠤᠤᠯ ᠤᠳᠤᠷᠢᠳᠤᠮᠵᠢ ᠪᠤᠯᠭᠠᠭᠰᠠᠨ᠂ ᠮᠠᠯ ᠠᠵᠤ ᠠᠬᠤᠢ᠂ ᠦᠢᠯᠡᠴᠢᠯᠡᠬᠡᠨ ᠤ ᠦᠢᠯᠡᠰ ᠵᠤᠬᠢᠴᠠᠯᠳᠤᠨ ᠬᠦᠭᠵᠢᠭᠰᠡᠨ ᠴᠤ᠋ ᠰᠢᠨ᠎ᠡ ᠲᠦᠷᠢ ᠳᠦᠷᠬᠦ ᠶᠢ ᠡᠭᠦᠳᠦᠭᠰᠡᠨ ᠪᠠᠶᠢᠨ᠎ᠠ᠃     ᠮᠠᠯ ᠠᠵᠤ ᠠᠬᠤᠢ ᠶᠢᠨ ᠰᠠᠭᠤᠷᠢ ᠡᠳᠦᠷ ᠢᠷᠡᠬᠦᠶᠢᠶ᠎ᠡ ᠪᠠᠬᠢᠵᠢᠨ ᠲᠡᠭᠦᠯᠳᠡᠷᠵᠢᠪᠡ᠃ ᠬᠡᠪᠴᠢᠶᠡᠵᠢᠭᠰᠡᠨ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠳᠠᠯᠠᠪᠠᠢ 200 ᠡᠷᠦᠬᠡ ᠶᠢ ᠪᠠᠶᠢᠭᠤᠯᠵᠦ᠂ ᠮᠠᠯᠵᠢᠬᠤ ᠤᠷᠤᠨ ᠤ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠨᠢ 125 ᠪᠤᠯᠵᠤ ᠭᠦᠭᠵᠢᠵᠥ᠂ 5505 ᠮᠠᠯᠴᠢᠳ ᠢ ᠲᠠᠶᠢᠴᠢᠯᠠᠨ ᠲᠠᠭᠠᠭᠤᠯᠵᠦ᠂ ᠮᠠᠯᠵᠢᠬᠤ ᠤᠷᠤᠨ ᠤ ᠪᠦᠬᠦ ᠬᠦᠮᠦᠨ ᠠᠮᠠ ᠶᠢᠨ 28%᠎ ᠶᠢ ᠡᠵᠡᠯᠡᠪᠡ᠃ ᠪᠠᠶᠢᠭᠠᠯᠢᠭ ᠮᠢᠬᠠᠨ ᠢᠳᠡᠬᠡᠨ ᠤ ᠪᠦᠳᠦᠭᠡᠭᠳᠡᠭᠦᠨ ᠢ ᠨᠠᠷᠢᠯᠢᠭ ᠪᠤᠯᠪᠠᠰᠤᠷᠠᠭᠤᠯᠤᠨ ᠡᠳ᠋ᠰᠢᠯᠡᠬᠦᠯᠬᠦ ᠠᠵᠤ ᠠᠬᠤᠶᠢᠯᠠᠯ ᠤᠨ ᠳᠤᠭᠤᠷᠢᠭ ᠢ ᠪᠠᠶᠢᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ 6᠎ ᠶᠢ ᠪᠠᠶᠢᠭᠤᠯᠵᠦ᠂ ᠵᠢᠯ ᠤᠨ ᠡᠳ᠋ᠰᠢᠯᠡᠭᠦᠯᠦᠨ ᠪᠣᠯᠪᠠᠰᠣᠷᠠᠭᠤᠯᠬᠤ ᠴᠢᠳᠠᠪᠬᠢ ᠨᠢ 100 ᠲᠦᠮᠡᠨ ᠬᠤᠨᠢᠴᠢᠯᠠᠭᠰᠠᠨ ᠨᠢᠬᠡᠴᠢ ᠳᠤ ᠭᠦᠷᠴᠦ᠂ ᠨᠠᠷᠢᠯᠢᠭ ᠪᠤᠯᠪᠠᠰᠤᠷᠠᠭᠤᠯᠬᠤ ᠬᠡᠮᠵᠢᠶ᠎ᠠ ᠨᠢ 50 ᠳᠦᠮᠡᠨ ᠬᠤᠨᠢᠴᠢᠯᠠᠭᠰᠠᠨ ᠨᠢᠬᠡᠴᠢ ᠳᠤ ᠬᠦᠷᠴᠦ᠂ ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ︽ᠪᠦᠬᠦ ᠤᠷᠤᠨ ᠤ ᠳᠠᠷᠢᠶᠠᠯᠠᠩ ᠮᠠᠯ ᠠᠵᠤ ᠠᠬᠤᠢ ᠎ ᠶᠢᠨ ᠠᠵᠤ ᠦᠢᠯᠡᠰᠵᠢᠬᠦᠯᠤᠯᠳᠠ ᠶᠢᠨ ᠵᠢᠱᠢᠶᠡᠴᠢ ᠳᠤᠭᠤᠷᠢᠭ︾᠎ ᠢᠶᠠᠷ ᠦᠨᠡᠯᠡᠵᠦ᠂ ᠮᠠᠨ ᠤ ᠬᠤᠰᠢᠭᠤ ᠨᠢ ︽ᠳᠤᠮᠳᠠᠳᠤ ᠶᠢᠨ ᠢᠳᠡᠬᠡᠨ ᠤ ᠰᠢᠯᠢᠳᠡᠭ ᠮᠠᠲ᠋ᠧᠷᠢᠶᠠᠯ ᠳᠠᠯ᠎ᠠ ᠨᠤᠳᠤᠭ ᠤᠨ ᠰᠢᠯᠢᠳᠡᠭ ᠬᠤᠨᠢ ᠬᠠᠩᠭᠠᠬᠤ ᠰᠠᠭᠤᠷᠢᠨ ᠭᠠᠵᠠᠷ︾᠎ ᠢᠶᠠᠷ ᠨᠡᠷᠡᠶᠢᠳᠦᠭᠳᠡᠭᠰᠡᠨ ᠪᠠᠶᠢᠨ᠎ᠠ᠃ ︽ᠢᠨᠲ᠋ᠧᠷ ᠰᠦᠯᠵᠢᠶ᠎ᠠ +︾ ᠵᠡᠷᠭᠡ ᠤᠯᠠᠨ ᠪᠤᠷᠤᠯᠠᠭᠤᠯᠭ᠎ᠠ ᠶᠢᠨ ᠬᠡᠯᠪᠡᠷᠢ ᠶᠢ ᠠᠰᠢᠭᠯᠠᠨ᠂ ᠳᠤᠮᠳᠠ ᠳᠡᠬᠡᠳᠦ ᠳᠡᠰ ᠤᠨ ᠮᠢᠬᠠᠨ ᠢᠳᠡᠬᠡᠨ ᠤ ᠵᠠᠬ᠎ᠠ ᠳᠡᠯᠭᠡᠭᠦᠷ ᠲᠤ ᠰᠦᠨᠢᠳ ᠬᠤᠨᠢᠨ ᠮᠢᠬ᠎ᠠ ᠪᠠᠨ ᠪᠤᠷᠤᠯᠠᠭᠤᠯᠵᠤ᠂ ᠰᠢᠯᠢᠳᠡᠭ ᠪᠠᠶᠢᠭᠠᠯᠢᠭ ᠨᠡᠷᠡᠳᠦ ᠳᠡᠮᠳᠡᠭ ᠨᠢ ᠦᠷᠭᠡᠨ ᠤᠯᠠᠨ ᠭᠡᠷᠡᠭᠯᠡᠭᠴᠢᠳ ᠤᠨ ᠳᠠᠭᠠᠰᠢᠶᠠᠯ ᠢ ᠣᠯᠪᠠ᠃ ᠰᠦᠨᠢᠳ ᠬᠤᠨᠢᠨ ᠤ ᠠᠵᠤ ᠦᠢᠯᠡᠰ ᠤᠨ ᠬᠡᠯᠬᠢᠶᠡᠵᠢᠯ ᠢ ᠮᠦᠷᠳᠡᠨ ᠨᠡᠬᠡᠮᠵᠢᠯᠡᠬᠦ ᠰᠢᠰᠲ᠋ᠧᠮ ᠎ ᠨᠢ ᠪᠦᠬᠦ ᠤᠷᠤᠨ ᠳᠤ ᠲᠦᠬᠡᠮᠡᠯᠵᠢᠬᠦᠯᠬᠦ ᠳᠠᠭᠤᠷᠢᠶᠠᠯ ᠪᠤᠯᠵᠤ᠂ 38 ᠳᠦᠮᠡᠨ ᠬᠤᠨᠢᠨ ᠳᠤ ᠮᠦᠷᠳᠡᠨ ᠨᠡᠬᠡᠮᠵᠢᠯᠡᠬᠦ ᠳᠠᠩᠰᠡ ᠡᠪᠬᠡᠮᠠᠯ ᠢ ᠪᠠᠶᠢᠭᠤᠯᠪᠠ᠃ ︽ᠳᠤᠭᠤᠷᠢᠭ + ᠠᠵᠤ ᠠᠬᠤᠶᠢᠯᠠᠯ + ᠬᠤᠷᠰᠢᠶᠠᠵᠢᠯ ︵ᠮᠠᠯᠴᠢᠨ︶︾᠎ ᠤᠨ ᠮᠠᠯ ᠠᠵᠤ ᠠᠬᠤᠢ ᠤᠨ ᠠᠵᠤ ᠦᠢᠯᠡᠰᠵᠢᠬᠦᠯᠤᠯᠳᠠ ᠶᠢᠨ ᠬᠦᠭᠵᠢᠯᠳᠠ ᠶᠢᠨ ᠵᠠᠮ ᠣᠯᠠᠮ ᠢᠶᠠᠷ ᠦᠷᠭᠡᠳᠴᠦ᠂ ᠮᠠᠯᠴᠢᠳ ᠤᠨ ᠤᠷᠤᠯᠭ᠎ᠠ ᠨᠢ ︽ᠠᠷᠪᠠᠨ ᠨᠢᠭᠡᠳᠦᠭᠡᠷ ᠳᠠᠪᠤᠨ ᠵᠢᠯ︾᠎ ᠤᠨ ᠬᠢ ᠠᠴᠠ ᠶᠡᠭᠡ ᠬᠡᠮᠵᠢᠶ᠎ᠠ ᠪᠠᠷ ᠳᠡᠭᠡᠭᠰᠢᠯᠡᠵᠤ᠂ ᠬᠦᠮᠦᠨ ᠪᠦᠷᠢ ᠳᠤ ᠳᠡᠭᠰᠢᠳᠬᠡᠭᠰᠡᠨ ᠡᠵᠡᠮᠳᠡᠵᠦ ᠪᠤᠯᠬᠤᠶᠢᠴᠠ ᠤᠷᠤᠯᠭ᠎ᠠ ᠨᠢ 2010 ᠤᠨ ᠤ 5919 ᠳᠦᠭᠦᠷᠢᠭ ᠠᠴᠠ 11760 ᠳᠦᠭᠦᠷᠢᠭ ᠪᠤᠯᠵᠤ ᠨᠡᠮᠡᠭᠳᠡᠵᠤ᠂ ᠵᠢᠯ ᠪᠦᠷᠢ ᠳᠤᠮᠳᠠᠴᠢ ᠪᠠᠷ 15%᠎ ᠪᠠᠷ ᠦᠰᠪᠡ᠃     ᠠᠵᠤ ᠦᠢᠯᠡᠳᠪᠤᠷᠢ ᠶᠢᠨ ᠭᠤᠤᠯᠯᠠᠬᠤ ᠪᠠᠶᠢᠷᠢ ᠡᠳᠦᠷ ᠢᠷᠡᠬᠦᠶᠢᠶ᠎ᠠ ᠳᠤᠪᠤᠶᠢᠮ᠎ᠠ ᠪᠤᠯᠪᠠ᠃ ᠳᠠᠪᠤᠨ ᠵᠢᠯ ᠳᠤ ᠠᠶᠢᠮᠠᠭ ᠤᠨ ᠭᠠᠳᠠᠨ᠎ᠠ ᠠᠴᠠ ᠨᠡᠶᠢᠳᠡ 104 ᠳ᠋ᠦᠩᠰᠢᠭᠤᠷ ᠳᠦᠭᠦᠷᠢᠭ ᠤᠨ ᠪᠡᠯᠡ ᠮᠦᠩᠭᠦ ᠶᠢ ᠳᠠᠳᠠᠨ ᠤᠷᠤᠭᠤᠯᠵᠤ᠂ ᠭᠤᠤᠯ ᠪᠤᠯᠬᠤ ᠳᠦᠷᠦᠯ ᠵᠦᠢᠯ 80 ᠭᠠᠷᠤᠢ ᠶᠢ ᠬᠡᠷᠡᠭᠵᠢᠬᠦᠯᠵᠦ᠂ ᠡᠬᠦᠨ ᠳᠤ ᠳ᠋ᠦᠩᠰᠢᠭᠤᠷ ᠳᠦᠭᠦᠷᠢᠭ ᠢ ᠲᠠᠪᠠᠭᠰᠠᠨ ᠳᠦᠷᠦᠯ ᠵᠦᠢᠯ 16 ᠪᠠᠶᠢᠵᠤ᠂ ᠪᠦᠬᠦ ᠠᠵᠤ ᠦᠢᠯᠡᠳᠪᠤᠷᠢ ᠶᠢᠨ ᠨᠡᠮᠡᠭᠳᠡᠯ ᠦᠷᠳᠡᠭ 28.6 ᠳ᠋ᠦᠩᠰᠢᠭᠤᠷ ᠳᠦᠬᠦᠷᠢᠭ ᠲᠤ ᠬᠦᠷᠴᠦ᠂ 2010 ᠤᠨ ᠤ ᠬᠢ ᠠᠴᠠ 2.6 ᠳᠠᠬᠢᠨ ᠪᠠᠶᠢᠵᠤ᠂ ᠭᠠᠵᠠᠷ ᠤᠷᠤᠨ ᠎ ᠤ ᠠᠵᠤ ᠠᠬᠤᠢ ᠶᠢᠨ ᠪᠦᠬᠦ ᠬᠡᠮᠵᠢᠶ᠎ᠠ ᠶᠢᠨ 57%᠎ ᠶᠢ ᠡᠵᠡᠯᠡᠭᠰᠡᠨ ᠪᠠᠶᠢᠨ᠎ᠠ᠃ ᠠᠵᠤ ᠦᠢᠯᠡᠳᠪᠤᠷᠢ ᠶᠢᠨ ᠠᠵᠤ ᠠᠬᠤᠶᠢᠯᠠᠯ ᠨᠢ ᠨᠡᠶᠢᠳᠡ 8.2 ᠳ᠋ᠦᠩᠰᠢᠭᠤᠷ ᠳᠦᠭᠦᠷᠢᠭ ᠤᠨ ᠭᠠᠶᠢᠯᠢ ᠶᠢ ᠪᠡᠶᠡᠯᠡᠭᠦᠯᠵᠦ᠂ ︽ᠠᠷᠪᠠᠨ ᠨᠢᠭᠡᠳᠦᠭᠡᠷ ᠳᠠᠪᠤᠨ ᠵᠢᠯ︾᠎ ᠤᠨ ᠬᠤᠭᠤᠴᠠᠭᠠᠨ ᠤ ᠬᠢ ᠠᠴᠠ 10 ᠵᠠᠭᠤᠨ ᠤ ᠬᠤᠪᠢ ᠪᠠᠷ ᠳᠡᠭᠡᠭᠰᠢᠯᠡᠵᠠᠢ᠃ ᠡᠨᠧᠷᠬᠢ ᠶᠢ ᠨᠡᠭᠡᠭᠡᠨ ᠭᠦᠭᠵᠢᠬᠦᠯᠬᠦ᠂ ᠳᠡᠮᠦᠷᠯᠢᠭ ᠰᠣᠩᠭᠤᠨ ᠪᠤᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠤᠷᠢ ᠶᠢᠨ ᠪᠠᠷᠢᠯᠭ᠎ᠠ ᠎ ᠶᠢᠨ ᠮᠠᠲ᠋ᠧᠷᠢᠶᠠᠯ᠂ ᠮᠠᠯ ᠤᠨ ᠪᠦᠳᠦᠭᠡᠭᠳᠡᠭᠦᠨ ᠢ ᠡᠳ᠋ᠰᠢᠯᠡᠭᠦᠯᠦᠨ ᠪᠤᠯᠪᠠᠰᠤᠷᠠᠭᠤᠯᠬᠤ ᠠᠵᠦ ᠦᠢᠯᠡᠰ ᠢ ᠪᠠᠬᠢᠵᠢᠭᠦᠯᠦᠨ ᠭᠦᠭᠵᠢᠭᠦᠯᠪᠡ᠃ ᠰᠢᠨ᠎ᠠ ᠡᠨᠧᠷᠬᠢ ᠶᠢᠨ ᠬᠡᠷᠡᠯ ᠤᠨ ᠨᠡᠶᠢᠯᠡᠯᠬᠡ ᠶᠢᠨ ᠴᠠᠬᠢᠯᠭᠠᠠ ᠭᠠᠷᠭᠠᠬᠤ᠂ ᠨᠠᠷᠠ ᠰᠠᠯᠬᠢᠨ ᠬᠠᠷᠢᠯᠴᠠᠨ ᠨᠦᠬᠦᠪᠤᠷᠢᠯᠡᠬᠦ ᠲᠦᠬᠦᠬᠡᠷᠤᠮᠵᠢ ᠶᠢ ᠦᠢᠯᠡᠤᠨᠪᠤᠷᠢᠯᠡᠬᠦ ᠵᠡᠷᠬᠡ ᠠᠵᠥ ᠦᠢᠯᠡᠰ ᠨᠢ ᠰᠢᠨ᠎ᠡ ᠬᠦᠳᠡᠯᠭᠡᠭᠴᠢ ᠬᠦᠴᠦᠨ ᠪᠤᠯᠪᠡ᠃ ᠮᠠᠩᠯᠡᠢ ᠤᠷᠴᠢᠯ ᠠᠵᠥ ᠠᠬᠤᠢ ᠶᠢᠨ ᠠᠵᠥ ᠦᠢᠯᠡᠰ ᠤᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠳᠤᠬᠡᠨ ᠪᠠᠶᠢᠭᠤᠯᠤᠯᠳᠠ ᠶᠢ ᠲᠤᠭᠳᠠᠭᠤᠨ ᠢᠶᠠᠷ ᠲᠦᠯᠬᠢᠨ ᠠᠬᠢᠭᠤᠯᠵᠤ᠂ ᠠᠵᠥ ᠦᠢᠯᠡᠤᠨᠪᠤᠷᠢ ᠶᠢᠨ ᠠᠵᠥ ᠠᠬᠤᠢ ᠶᠢᠨ ᠦᠷᠬᠦᠯᠵᠢᠯᠠᠨ ᠬᠦᠭᠵᠢᠬᠦ ᠳᠤ ᠪᠠᠳᠤ ᠪᠠᠬᠢ ᠰᠠᠭᠤᠷᠢ ᠶᠢ ᠲᠠᠯᠪᠢᠪᠠ᠃     ᠭᠤᠷᠪᠠᠳᠤᠭᠠᠷ ᠠᠵᠤ ᠦᠢᠯᠡᠰ ᠲᠠᠰᠤᠷᠠᠯᠳᠠ ᠦᠬᠡᠢ ᠦᠷᠨᠢᠨ ᠬᠦᠭᠵᠢᠪᠡ᠃ ᠰᠢᠨ ᠶᠤᠸᠠᠨ ᠪᠤᠳᠠᠰ ᠤᠨ ᠬᠦᠢᠯᠭᠡᠭᠡᠨ ᠤ ᠳᠤᠭᠤᠷᠢᠭ ᠢ ᠪᠦᠳᠦᠬᠡᠨ ᠪᠠᠶᠢᠭᠤᠯᠬᠤ ᠠᠵᠢᠯ ᠢ ᠡᠬᠢᠯᠡᠬᠦᠯᠵᠦ᠂ ︽ᠰᠢᠨ᠎ᠡ ᠳᠤᠤᠷᠵᠢᠯᠡᠯᠳᠡ ᠶᠢᠨ ᠢᠨᠵᠧᠨᠧᠷᠢᠩ︾᠂ ︽ᠳᠦᠮᠡᠨ ᠭᠠᠴᠠᠭ᠎ᠠ ᠮᠢᠩᠭᠠᠨ ᠪᠠᠯᠭᠠᠰᠤ︾ ᠵᠡᠷᠭᠡ ᠢᠨᠵᠧᠨᠧᠷᠢᠩ ᠢ ᠠᠮᠵᠢᠯᠳᠠ ᠲᠠᠢ ᠭᠡᠷᠡᠭᠵᠢᠬᠦᠯᠵᠦ᠂ ᠡᠬᠢ ᠪᠠᠶᠠᠯᠢᠭ ᠢ ᠳᠠᠬᠢᠨ ᠠᠰᠢᠭᠯᠠᠬᠤ ᠠᠷᠠᠯᠵᠢᠶᠠᠨ ᠤ ᠵᠠᠬ᠎ᠠ ᠳᠡᠯᠭᠡᠬᠦᠷ᠂ ᠳᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠵᠠᠬ᠎ᠠ ᠳᠡᠯᠬᠡᠭᠦᠷ᠂ ᠠᠮᠢᠳᠦ ᠮᠠᠯ ᠤᠨ ᠠᠷᠠᠯᠵᠢᠶᠠᠨ ᠤ ᠵᠠᠬ᠎ᠠ ᠳᠡᠯᠬᠡᠭᠦᠷ ᠤᠨ ᠪᠦᠳᠦᠬᠡᠨ ᠪᠠᠶᠢᠭᠤᠯᠤᠯᠳᠠ ᠶᠢ ᠪᠦᠷᠢᠯᠳᠤᠬᠦᠯᠪᠠ᠃ ᠰᠤᠶᠤᠯ ᠵᠢᠭᠤᠴᠢᠯᠠᠯ ᠤᠨ ᠦᠢᠯᠡᠰ ᠤᠬᠢ ᠰᠠᠶᠢᠨ ᠬᠦᠭᠵᠢᠵᠦ᠂ ᠰᠦᠨᠢᠳ ᠰᠤᠶᠤᠯ ᠤᠨ ᠦᠢᠯᠡᠰ ᠤᠨ ᠳᠤᠭᠤᠷᠢᠭ ᠢ ᠪᠦᠳᠦᠬᠡᠨ ᠪᠠᠶᠢᠭᠤᠯᠬᠤ ᠠᠵᠢᠯ ᠢ ᠤᠷᠤᠭᠰᠢᠳᠡᠢ ᠶᠠᠪᠤᠭᠳᠠᠭᠤᠯᠵᠤ ᠂ ᠪᠤᠳᠠᠷ ᠴᠢᠯᠠᠭᠤᠨ ᠤᠢ ᠶᠢ ︽ᠤᠷᠤᠨ ᠤ ᠳᠡᠰ ᠤᠨ ᠭᠠᠵᠠᠷ ᠰᠢᠨᠵᠢᠯᠡᠬᠡᠨ ᠤ ᠭᠦᠷᠢᠶᠠᠯᠡᠩ︾ ᠪᠤᠯᠭᠠᠬᠤ ᠠᠵᠢᠯ ᠢ ᠡᠬᠢᠯᠡᠬᠦᠯᠵᠥ᠂ ᠮᠠᠨ ᠤ ᠬᠤᠰᠢᠭᠤ ᠨᠢ ︽ᠦᠪᠦᠷ ᠮᠤᠩᠭᠤᠯ ᠤᠨ ᠬᠠᠴᠢᠨ ᠴᠢᠯᠠᠭᠤ ᠰᠤᠨᠢᠷᠬᠠᠬᠤ ᠰᠠᠭᠤᠷᠢᠨ ᠭᠠᠵᠠᠷ ᠵᠢᠴᠢ ᠮᠢᠬᠠᠨ ᠴᠢᠯᠠᠭᠤᠨ ᠤ ᠦᠯᠦᠭᠡᠢ︾᠎ ᠪᠠᠷ ᠨᠠᠷᠡᠶᠢᠳᠤᠭ᠍ᠳᠡᠪᠡ᠃ ᠪᠦᠬᠦ ᠬᠤᠰᠢᠭᠤᠨ ᠤ ᠵᠤᠭᠠᠴᠠᠭᠰᠠᠳ ᠤᠨ ᠳᠤᠭ᠎ᠠ ᠪᠠ ᠤᠷᠤᠯᠭ᠎ᠠ ᠨᠢ 2010 ᠤᠨ ᠤ ᠬᠢ ᠠᠴᠠ10% ᠪᠠ15%᠎ ᠪᠠᠷ ᠨᠡᠮᠡᠭᠳᠡᠪᠡ᠃ ᠢᠳᠡᠭᠡᠨ ᠤᠮᠳᠠᠭᠠᠨ ᠪᠠ ᠵᠤᠴᠢᠤᠨ ᠤᠨ ᠪᠠᠭᠤᠳᠠᠯ᠂ ᠪᠦᠬᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠷᠠᠯᠵᠢᠶ᠎ᠠ᠂ ᠴᠢᠮᠡᠭᠡ ᠬᠤᠯᠪᠤᠭᠠᠨ ᠤ ᠦᠢᠯᠡᠰ᠂ ᠮᠦᠩᠭᠦᠨ ᠬᠦᠢᠯᠬᠡᠬᠡ ᠪᠠ ᠳᠠᠭᠠᠳᠬᠠᠯ ᠵᠡᠷᠬᠡ ᠦᠢᠯᠡᠴᠢᠯᠡᠬᠡᠨ ᠤ ᠠᠵᠢᠯ ᠦᠢᠯᠡᠰ ᠰᠢᠨ᠎ᠡ ᠬᠦᠭᠵᠢᠯᠳᠡ ᠶᠢ ᠡᠬᠦᠤᠨᠴᠥ᠂ ᠡᠯ᠎ᠡ ᠳᠦᠷᠦᠯ ᠤᠨ ᠨᠡᠶᠢᠳᠡ ᠶᠢᠨ ᠪᠤᠰᠤ ᠦᠮᠴᠢᠯᠡᠯᠳᠤ ᠠᠵᠤ ᠠᠬᠤᠢ ᠶᠢᠨ ᠵᠠᠬ᠎ᠠ ᠳᠡᠯᠬᠡᠬᠦᠷ ᠤᠨ ᠭᠤᠤᠯ ᠴᠤᠭᠴᠠ ᠬᠦᠭᠵᠢᠨ 2900 ᠭᠠᠷᠤᠢ ᠡᠷᠦᠬᠡ ᠲᠤ ᠬᠦᠷᠴᠥ᠂ ᠦᠢᠯᠡᠰ ᠡᠷᠬᠢᠯᠡᠭᠰᠡᠨ ᠬᠦᠮᠦᠨ ᠎ ᠤ ᠲᠤᠭ᠎ᠠ ᠨᠢ 8000 ᠭᠠᠷᠤᠢ ᠬᠦᠮᠤᠨ ᠳᠤ ᠬᠦᠷᠪᠡ᠃     ︵ᠬᠤᠶᠡᠷ︶ ᠠᠮᠢ ᠠᠬᠤᠢ ᠶᠢᠨ ᠬᠠᠮᠠᠭᠠᠯᠠᠯᠳᠠ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠤᠠᠬᠠᠵᠥ᠂ ᠦᠷ᠎ᠡ ᠪᠦᠳᠤᠮᠵᠢ ᠨᠢ ᠳᠠᠰᠤᠷᠠᠯᠳᠠ ᠦᠬᠡᠢ ᠰᠢᠯᠢᠳᠡᠭᠵᠢᠨ ᠲᠡᠬᠡᠭᠰᠢᠯᠡᠪᠠ᠃ ᠮᠠᠯ ᠪᠡᠯᠴᠢᠭᠡᠷ ᠤᠨ ᠳᠡᠩᠴᠡᠭᠦᠷᠢᠰᠢᠯ ᠪᠠ ︽ᠭᠤᠷᠪᠠᠨ ᠮᠠᠯᠵᠢᠯ︾᠎ ᠤᠨ ᠳᠦᠷᠢᠮ ᠢ ᠴᠢᠩᠭ᠎ᠠ ᠪᠠᠷ ᠭᠡᠷᠡᠭᠵᠢᠬᠦᠯᠵᠦ᠂ ᠤᠯᠤᠰ ᠤᠨ ᠳᠠᠯ᠎ᠠ ᠨᠤᠳᠤᠭ ᠤᠨ ᠠᠮᠢ ᠠᠬᠤᠢ ᠎ ᠶᠢᠨ ᠬᠠᠮᠠᠭᠠᠯᠠᠯᠳᠠ ᠶᠢᠨ ᠱᠠᠩᠨᠠᠠ ᠨᠦᠬᠦᠪᠤᠷᠢᠯᠡᠬᠦ ᠳᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ ᠂ ᠳᠠᠪᠤᠨ ᠵᠢᠯ ᠳᠤ ᠨᠡᠶᠢᠳᠡ 5.97 ᠳ᠋ᠦᠩᠰᠢᠭᠤᠷ ᠳᠦᠬᠦᠷᠢᠭ ᠢ ᠳᠠᠷᠬᠠᠭᠠᠵᠤ᠂ 1.9 ᠳᠦᠮᠡᠨ ᠮᠠᠯᠴᠢᠤᠨ ᠲᠤ ᠠᠰᠢᠭ ᠬᠦᠷᠳᠡᠭᠡᠵᠤ᠂ ᠵᠢᠯ ᠳᠤ ᠬᠦᠮᠦᠨ ᠪᠦᠷᠢ ᠳᠤᠮᠳᠠᠴᠢ ᠪᠠᠷ 6000 ᠭᠠᠷᠤᠢ ᠳᠦᠭᠦᠷᠢᠭ ᠤᠨ ᠨᠦᠬᠦᠪᠦᠷᠢ ᠶᠢ ᠤᠯᠪᠠ᠃ ᠨᠡᠶᠢᠳᠡ 9700 ᠳᠦᠮᠡᠨ ᠳᠦᠭᠦᠷᠢᠭ ᠤᠨ ᠪᠡᠯᠡ ᠤᠷᠤᠭᠤᠯᠵᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ᠂ ᠭᠤᠤᠯᠳᠠᠯᠭᠠᠳᠤ ᠭᠠᠵᠠᠷ ᠤᠷᠤᠨ ᠢ ᠨᠤᠭᠤᠭᠠᠷᠠᠭᠤᠯᠵᠤ ᠤᠶᠢᠵᠢᠭᠤᠯᠬᠤ ᠢᠨᠵᠧᠨᠧᠷᠢᠩ ᠢ ᠰᠠᠶᠢᠳᠦᠷ ᠭᠡᠷᠡᠭᠵᠢᠬᠦᠯᠵᠦ᠂ 46 ᠳᠦᠮᠡᠨ ᠮᠤ᠋ ᠭᠠᠵᠠᠷ ᠢ ᠨᠢᠰᠭᠡᠯ ᠢᠶᠠᠷ ᠳᠠᠷᠢᠵᠤ ᠤᠶᠢᠵᠢᠭᠤᠯᠤᠨ᠂ 38 ᠳᠦᠮᠡᠨ ᠮᠤ᠋ ᠭᠠᠵᠠᠷ ᠢ ᠪᠢᠳᠡᠭᠦᠮᠵᠢᠭᠦᠯᠦᠨ ᠦᠢᠵᠢᠭᠤᠯᠵᠤ᠂ 8000 ᠮᠤ᠋ ᠭᠠᠵᠠᠷ ᠤᠨ ᠡᠯᠡᠰᠦ ᠶᠢ ᠳᠤᠭᠳᠠᠪᠤᠷᠢᠵᠢᠭᠤᠯᠤᠨ᠂ 3000 ᠮᠦ ᠭᠤᠤᠯᠲᠠᠯᠭ᠎ᠠ ᠲᠠᠢ ᠭᠠᠵᠠᠷ ᠤᠷᠤᠨ ᠤ ᠨᠤᠭᠤᠭᠠᠷᠠᠭᠤᠯᠤᠯᠳᠠ ᠶᠢᠨ ᠠᠵᠢᠯ ᠢ ᠪᠠᠶᠡᠯᠡᠬᠦᠯᠪᠡ᠃ ᠨᠡᠶᠢᠳᠡ ᠶᠢᠨ ᠠᠰᠠᠷᠠᠮᠵᠢ ᠶᠢᠨ ᠣᠢ ᠶᠢᠨ ᠲᠠᠯᠠᠪᠠᠢ 176 ᠳᠦᠮᠡᠨ ᠮᠦ ᠶᠢ ᠬᠦᠷᠴᠤ᠂ ᠨᠠᠶᠢᠳᠡ ᠶᠢᠨ ᠠᠰᠠᠷᠠᠮᠵᠢ ᠶᠢᠨ ᠤᠢ ᠶᠢᠨ ᠨᠦᠬᠦᠪᠦᠷᠢ ᠮᠦᠩᠭᠦ ᠶᠢ ᠨᠡᠶᠢᠳᠡ 1.2 ᠳ᠋ᠦᠩᠰᠢᠭᠤᠷ ᠲᠦᠭᠦᠷᠢᠭ ᠲᠠᠷᠬᠠᠭᠠᠪᠠ᠃ ᠲᠡᠯ᠎ᠠ ᠨᠤᠳᠤᠭ ᠤᠨ ᠲᠡᠭᠰᠢᠤᠨᠬᠡᠭᠰᠡᠨ ᠤᠷᠭᠤᠮᠠᠯ ᠤᠨ ᠪᠦᠷᠬᠦᠴᠡ ᠨᠢ ᠤᠤᠯ ᠤᠨ 3 —12% ᠪᠠᠶᠢᠭᠰᠠᠨ ᠠᠴᠠ ᠪᠠᠨ ᠲᠡᠬᠡᠭᠰᠢᠯᠡᠬᠡᠤᠨ 15 — 25%᠎ ᠳᠤ ᠬᠦᠷᠴᠥ᠂ ᠠᠮᠢ ᠠᠬᠤᠢ ᠶᠢᠨ ᠤᠷᠴᠢᠨ ᠲᠤᠭᠤᠷᠢᠨ ᠶᠡᠷᠤᠩᠬᠡᠢ ᠳᠡᠭᠡᠨ ᠨᠠᠯᠢᠶᠡᠤᠨ ᠰᠠᠶᠢᠵᠢᠷᠠᠪᠠ᠃ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢᠨ ᠳᠤᠷᠰᠢᠯᠳᠡ ᠶᠢᠨ ᠴᠢᠭ ᠎ ᠤᠨ ᠠᠵᠢᠯ ᠪᠠ ᠨᠤᠳᠤᠭ ᠪᠡᠯᠴᠢᠬᠡᠷ ᠢ ᠲᠠᠭᠠᠭᠠᠴᠢᠯᠠᠨ ᠡᠵᠡᠩᠨᠡᠬᠦ ᠡᠷᠬᠡ ᠶᠢ ᠨᠤᠳᠠᠯᠠᠨ ᠲᠡᠮᠳᠡᠭᠯᠡᠬᠦ ᠠᠵᠢᠯ ᠢ ᠯᠠᠪᠳᠠᠭᠤᠨ ᠲᠦᠯᠬᠢᠨ ᠠᠬᠢᠭᠤᠯᠪᠠ᠃ ︽ᠡᠶ᠎ᠡ ᠵᠤᠬᠢᠴᠠᠯᠳᠤ ᠠᠭᠤᠷᠬᠠᠢ ᠶᠢᠨ ᠳᠣᠭᠤᠷᠢᠭ︾᠎ ᠢ ᠪᠦᠳᠦᠭᠡᠨ ᠪᠠᠶᠢᠭᠤᠯᠬᠤ ᠠᠵᠢᠯ ᠮᠡᠳᠡᠭᠳᠡᠮ᠎ᠡ ᠦᠷ᠎ᠡ ᠪᠦᠳᠦᠮᠵᠢ ᠤᠯᠵᠥ᠂ 150 ᠡᠾᠧᠺᠲᠷ ᠠᠭᠤᠷᠬᠠᠢ ᠶᠢᠨ ᠠᠵᠥ ᠠᠬᠤᠶᠢᠯᠠᠯ ᠎ ᠤᠨ ᠤᠷᠴᠢᠨ ᠲᠤᠭᠤᠷᠢᠨ ᠢ ᠵᠠᠰᠠᠨ ᠴᠡᠭᠴᠡᠯᠡᠵᠦ᠂ 200 ᠡᠾᠧᠺᠲᠷ ᠬᠠᠶᠠᠭᠳᠠᠮᠠᠯ ᠨᠦᠬᠡ ᠬᠤᠩᠬᠢᠯ ᠢ ᠵᠠᠰᠠᠨ ᠰᠠᠶᠢᠵᠢᠷᠠᠭᠤᠯᠪᠠ᠃ ᠡᠨᠧᠷᠬᠢ ᠶᠢ ᠠᠷᠪᠢᠯᠠᠵᠥ ᠪᠤᠷᠬᠢᠳᠤᠯ ᠢ ᠪᠠᠭᠠᠰᠬᠠᠬᠤ ᠡᠯ᠎ᠡ ᠵᠦᠢᠯ ᠶᠢᠨ ᠵᠢᠭᠠᠯᠲᠠ ᠳᠤᠭ᠎ᠠ ᠶᠢ ᠳᠤᠭᠲᠠᠭᠰᠡᠨ ᠬᠠᠷᠠᠯᠳᠠ ᠱᠠᠭᠠᠷᠳᠠᠯᠭ᠎ᠠ ᠶᠢᠨ ᠪᠠᠷᠢᠮᠵᠢᠶᠠᠨ ᠤ ᠳᠣᠳᠣᠷ᠎ᠠ ᠬᠢᠵᠠᠭᠠᠷᠯᠡᠪᠡ᠃     ︵ᠭᠤᠷᠪᠠ︶ ᠰᠠᠭᠤᠷᠢ ᠲᠦᠬᠦᠬᠡᠷᠤᠮᠵᠢ ᠲᠤᠪᠤᠶᠢᠮ᠎ᠠ ᠰᠠᠶᠢᠵᠢᠷᠠᠵᠥ᠂ ᠬᠦᠭᠵᠢᠯᠳᠠ ᠶᠢᠨ ᠤᠷᠴᠢᠨ ᠲᠤᠭᠤᠷᠢᠨ ᠲᠠᠰᠤᠷᠠᠯᠳᠠ ᠦᠬᠡᠢ ᠰᠢᠯᠢᠳᠡᠭᠵᠢᠪᠠ᠃ ᠰᠢᠯᠢᠩᠬᠤᠳᠠ ᠠᠴᠠ ᠡᠷᠢᠶᠡᠨ ᠬᠤᠳᠠ ᠬᠦᠷᠬᠦ ᠳᠡᠮᠤᠷ ᠵᠠᠮ ᠤᠨ ᠰᠦᠨᠢᠳ ᠵᠡᠬᠦᠨ ᠬᠤᠰᠢᠭᠤᠨ ᠤ ᠬᠡᠰᠡᠭ ᠢ ᠠᠮᠵᠢᠯᠳᠡᠳᠡᠢ ᠨᠠᠪᠳᠡᠷᠡᠬᠦᠯᠪᠠ︔ ᠮᠠᠯᠵᠢᠬᠤ ᠣᠷᠣᠨ ᠳᠤ ᠲᠣᠰᠣᠨ ᠵᠠᠮ᠂ ᠱᠦᠢᠨᠢ ᠵᠠᠮ ᠢ 477 ᠺᠢᠯᠤᠮᠧᠲᠷ ᠳᠡᠪᠢᠰᠴᠦ᠂ ᠪᠦᠬᠦ ᠬᠤᠰᠢᠭᠤᠨ ᠤ ᠲᠡᠷᠬᠡ ᠨᠡᠪᠳᠡᠷᠡᠭᠰᠡᠡ ᠵᠠᠰᠠᠮᠠᠯ ᠵᠠᠮ ᠤᠨ ᠪᠦᠬᠦ ᠤᠷᠳᠤ ᠎ ᠨᠢ 2275 ᠺᠢᠯᠤᠮᠧᠲᠷ ᠲᠤ ᠭᠦᠷᠪᠡ᠃ ᠬᠤᠳᠠ ᠪᠠᠯᠭᠠᠰᠤᠨ ᠤ ᠤᠰᠤ ᠬᠠᠩᠭᠠᠬᠤ ᠴᠢᠳᠠᠪᠬᠢ ᠶᠢ ᠶᠡᠬᠡᠪᠡᠷ ᠲᠡᠬᠡᠭᠰᠢᠯᠡᠬᠦᠯᠵᠥ᠂ ᠤᠰᠤᠨ ᠤ ᠴᠢᠨᠠᠷ ᠢ ᠤᠯᠤᠰ ᠤᠨ ᠱᠠᠭᠠᠷᠳᠠᠯᠭ᠎ᠠ ᠪᠠᠷᠢᠮᠵᠢᠶᠠᠨ ᠳᠤ ᠬᠦᠷᠬᠡᠪᠡ᠃ 110 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ 1 ᠰᠠᠭᠤᠷᠢ᠂ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ 6 ᠰᠠᠭᠤᠷᠢ ᠶᠢ ᠪᠠᠶᠢᠭᠤᠯᠵᠦ᠂ ᠠᠵᠦ ᠦᠢᠯᠡᠳᠪᠦᠷᠢ ᠶᠢᠨ ᠭᠦᠭᠵᠢᠯᠳᠡ ᠪᠠ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠴᠠᠬᠢᠯᠭᠠᠨ ᠭᠡᠷᠡᠭᠯᠡᠬᠦ ᠱᠠᠭᠠᠷᠳᠠᠯᠭ᠎ᠠ ᠶᠢ ᠦᠨᠳᠤᠰᠤᠨ ᠳᠡᠭᠡᠨ ᠬᠠᠩᠭᠠᠪᠠ᠃ ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ 82 ᠰᠠᠭᠤᠷᠢ ᠪᠠᠶᠢᠭᠤᠯᠵᠦ᠂ ᠴᠢᠮᠡᠭᠡ ᠬᠤᠯᠪᠤᠭᠠᠨ ᠤ ᠭᠡᠷᠡᠯᠯᠢᠭ ᠤᠳᠠᠰᠦ ᠶᠢ 1807 ᠺᠢᠯᠤᠮᠧᠲᠷ ᠲᠡᠪᠢᠰᠪᠠ᠃ ︽ᠮᠠᠯᠵᠢᠬᠤ ᠤᠷᠤᠨ ᠤ ᠴᠢᠮᠡᠭᠡ ᠬᠤᠯᠪᠤᠭᠠᠨ ᠤ ᠦᠢᠯᠡᠴᠢᠯᠡᠭᠡ ᠶᠢ ᠮᠠᠯᠴᠢᠨ ᠡᠷᠦᠬᠡ ᠳᠤ ᠬᠦᠷᠭᠡᠬᠦ︾ ᠪᠠ ︽ᠳᠠᠪᠤ ᠶᠢ ᠮᠤᠩᠭᠤᠯ ᠬᠡᠷ ᠲᠤ ᠬᠦᠷᠭᠡᠬᠦ︾ ᠵᠡᠷᠬᠡ ᠢᠨᠵᠧᠨᠧᠷᠢᠩ ᠲᠠᠯ᠎ᠠ ᠨᠤᠳᠤᠭ ᠲᠤ ᠬᠦᠨᠵᠡᠬᠡᠶᠢᠷᠡᠵᠥ ᠮᠠᠯᠴᠢᠤᠨ ᠳᠤ ᠬᠦᠨᠵᠡᠬᠡᠶᠢᠷᠡᠪᠠ᠃ ᠨᠡᠶᠢᠳᠡ 3.2 ᠳ᠋ᠦᠩᠰᠢᠭᠤᠷ ᠳᠦᠭᠦᠷᠢᠭ ᠤᠨ ᠪᠡᠯᠡ ᠤᠷᠤᠭᠤᠯᠵᠤ᠂ ᠰᠠᠭᠤᠭᠠᠯᠢ ᠠᠷᠠᠳ ᠤᠨ ᠳᠤᠭᠤᠷᠢᠭ᠂ ᠵᠡᠬᠡᠯᠢ ᠭᠤᠳᠤᠮᠵᠢ ᠶᠢᠨ ᠵᠠᠮ᠂ ᠳᠤᠯᠠᠭᠠᠯᠭ᠎ᠠ᠂ ᠪᠤᠵᠠᠷ ᠤᠰᠤ ᠭᠠᠳᠠᠭᠰᠢᠯᠠᠭᠤᠯᠬᠤ ᠵᠡᠷᠬᠡ ᠬᠤᠳᠠ ᠪᠠᠯᠭᠠᠰᠤᠨ ᠤ ᠰᠠᠭᠤᠷᠢ ᠳᠦᠬᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠎ ᠶᠢᠨ ᠳᠦᠷᠦᠯ ᠵᠦᠢᠯ ᠢ ᠪᠠᠶᠡᠯᠡᠬᠦᠯᠪᠡ᠃ ᠭᠡᠷ ᠪᠠᠶᠢᠰᠢᠩ ᠭᠠᠵᠠᠷ ᠬᠦᠷᠦᠩᠬᠡ ᠶᠢᠨ ᠨᠡᠬᠡᠬᠡᠨ ᠠᠰᠢᠭᠯᠠᠯᠳᠠ ᠶᠢ 54 ᠳᠦᠮᠡᠨ ᠳᠡᠭᠰᠢ ᠳᠦᠷᠪᠡᠯᠵᠢᠨ ᠮᠧᠲᠷ ᠪᠠᠶᠡᠯᠡᠬᠦᠯᠵᠥ᠂ ᠠᠯᠳᠠᠨ ᠵᠤᠯᠠ᠂ ᠳᠡᠯᠭᠡᠷᠬᠠᠨ᠂ ᠼᠣᠣ ᠶᠤᠸᠠᠨ ᠯᠢ ᠰᠢᠤᠸᠠᠨ᠂ ᠴᠠᠩᠳᠦ ᠬᠦᠷᠢᠶᠡᠯᠡᠩ ᠵᠡᠷᠬᠡ 15 ᠰᠠᠭᠤᠭᠠᠯᠢ ᠠᠷᠠᠳ ᠤᠨ ᠳᠤᠭᠤᠷᠢᠭ ᠢ ᠪᠠᠶᠢᠭᠤᠯᠪᠠ᠃ ᠬᠤᠳᠠ ᠳᠤᠭᠤᠷᠢᠭ ᠤᠨ ᠨᠤᠭᠤᠭᠠᠷᠠᠭᠤᠯᠤᠯᠳᠠ 46 ᠳᠦᠮᠡᠨ ᠳᠡᠭᠰᠢ ᠳᠦᠷᠪᠡᠯᠵᠢᠨ ᠮᠧᠲᠷ᠂ ᠬᠠᠳᠠᠭᠤᠷᠠᠭᠤᠯᠤᠯᠳᠠ 30 ᠳᠦᠮᠡᠨ ᠳᠡᠭᠰᠢ ᠳᠦᠷᠪᠡᠯᠵᠢᠨ ᠮᠧᠲᠷ ᠢ ᠪᠡᠶᠡᠯᠡᠬᠦᠯᠪᠡ᠃ ᠬᠤᠭ ᠨᠤᠪᠰᠢ ᠶᠢ ᠰᠢᠢᠳᠪᠤᠷᠢᠯᠡᠬᠦ ᠤᠶᠢᠯᠡᠤᠪᠤᠷᠢ᠂ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢ ᠪᠠᠶᠢᠭᠤᠯᠵᠤ ᠠᠰᠢᠭᠯᠠᠯᠳᠠ ᠳᠤ ᠤᠷᠤᠭᠤᠯᠤᠨ᠂ ᠤᠰᠤ ᠬᠠᠩᠭᠠᠬᠤ ᠬᠤᠭᠤᠯᠠᠢ ᠶᠢ 30 ᠺᠢᠯᠤᠮᠧᠲᠷ᠂ ᠪᠤᠵᠠᠷ ᠤᠰᠤ ᠭᠠᠳᠠᠭᠰᠢᠯᠠᠭᠤᠯᠬᠤ ᠬᠤᠭᠤᠯᠠᠢ ᠶᠢ 26 ᠺᠢᠯᠤᠮᠧᠲᠷ ᠤᠷᠳᠦᠳᠬᠠᠨ᠂ ᠰᠢᠨ᠎ᠡ ᠪᠠᠷ 5 ᠵᠤᠷᠪᠤᠰ ᠵᠠᠮ ᠢ ᠳᠡᠪᠢᠰᠴᠦ ᠦᠬᠡᠷᠡᠴᠢᠯᠡᠪᠡ᠃ ᠬᠤᠳᠠ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ ᠳᠠᠯᠠᠪᠠᠢ ᠎ ᠶᠢ 5.09 ᠳᠡᠭᠰᠢ ᠳᠦᠷᠪᠡᠯᠵᠢᠨ ᠺᠢᠯᠤᠮᠧᠲᠷ ᠪᠠᠶᠢᠭᠤᠯᠵᠥ᠂ ᠬᠤᠳᠠᠵᠢᠭᠤᠯᠤᠯᠳᠠ ᠶᠢᠨ ᠨᠤᠷᠮ᠎ᠠ ᠶᠢ 50.3%᠎ ᠳᠤ ᠬᠦᠷᠬᠡᠪᠡ᠃ ᠬᠤᠳᠠ ᠪᠠᠯᠭᠠᠰᠤᠨ ᠤ ᠬᠦᠮᠦᠨ ᠪᠦᠷᠢ ᠳᠤ ᠳᠤᠮᠳᠠᠴᠢ ᠪᠠᠷ ᠳᠡᠭᠰᠢᠳᠭᠡᠭᠰᠡᠨ ᠵᠠᠰᠠᠮᠠᠯ ᠵᠠᠮ ᠤᠨ ᠲᠡᠯᠡᠪᠡᠢ ᠂ ᠤᠷᠤᠨ ᠰᠠᠭᠤᠴᠠ ᠶᠢᠨ ᠲᠡᠯᠡᠪᠡᠢ᠂ ᠨᠤᠭᠤᠭᠠᠷᠠᠭᠤᠯᠤᠯᠳᠠ ᠶᠢᠨ ᠳᠠᠯᠠᠪᠠᠢ ᠨᠢ ᠲᠤᠰᠪᠦᠷᠢ 22᠂ 30 ᠪᠠ 27 ᠳᠡᠭᠰᠢ ᠳᠦᠷᠪᠡᠯᠵᠢᠨ ᠮᠧᠲᠷ ᠲᠤ ᠬᠦᠷᠴᠥ᠂ 2010 ᠤᠨ ᠲᠠᠢ ᠬᠠᠷᠢᠴᠠᠭᠤᠯᠪᠡᠯ ᠳᠤᠰᠪᠤᠷᠢ 4.8᠂ 5 ᠪᠠ 14 ᠳᠡᠭᠰᠢ ᠳᠦᠷᠪᠡᠯᠵᠢᠨ ᠮᠧᠲᠷ ᠨᠡᠮᠡᠭᠳᠡᠪᠡ᠃ ᠬᠤᠳᠠ ᠪᠠᠯᠭᠠᠰᠤᠨ ᠤ ᠬᠡᠷᠡᠯᠳᠦᠭᠦᠯᠦᠯᠳᠡ ᠶᠢᠨ ᠨᠤᠷᠮ᠎ᠠ ᠪᠠ ᠤᠰᠤ ᠬᠠᠩᠭᠠᠬᠤ ᠲᠦᠬᠡᠮᠡᠯᠵᠢᠭᠰᠡᠨ ᠨᠤᠷᠮ᠎ᠠ ᠨᠢ ᠴᠦᠮ 90%᠎ ᠠᠴᠠ ᠲᠡᠬᠡᠭᠰᠢ ᠳᠤ ᠬᠦᠷᠴᠥ᠂ 2010 ᠤᠨ ᠤ ᠬᠢ ᠎ ᠠᠴᠠ 5 ᠵᠠᠭᠤᠨ ᠤ ᠬᠤᠪᠢ ᠢᠶᠠᠷ ᠳᠡᠭᠡᠭᠰᠢᠯᠡᠪᠡ᠃ ᠮᠠᠨᠳᠠᠯᠳᠦ ᠪᠠᠯᠭᠠᠰᠤᠨ ᠤ ᠪᠦᠬᠦᠯᠢ ᠴᠣᠭᠴᠠ ᠶᠢᠨ ᠲᠦᠷᠢ ᠲᠦᠷᠬᠦ ᠴᠤ᠋ ᠰᠢᠨ᠎ᠡ ᠪᠤᠯᠵᠥ᠂ ︽ᠪᠦᠬᠦ ᠠᠶᠢᠮᠠᠭ ᠤᠨ ᠬᠤᠳᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠳᠠ ᠎ ᠶᠢᠨ ᠳᠡᠷᠢᠬᠦᠨ ᠤ ᠭᠠᠵᠠᠷ ᠤᠷᠤᠨ︾᠎ ᠢᠶᠠᠷ ᠬᠦᠬᠢᠬᠦᠯᠦᠭᠳᠡᠪᠡ᠃     ︵ᠳᠦᠷᠪᠡ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠦᠷᠦ ᠶᠢᠨ ᠪᠤᠳᠤᠯᠭ᠎ᠠ ᠶᠢ ᠪᠦᠲᠦᠮᠵᠢᠲᠠᠢ ᠳᠤᠤᠱᠯᠠᠭᠤᠯᠵᠤ᠂ ᠪᠠᠳᠤᠯᠠᠭᠠᠨ ᠤ ᠴᠢᠳᠠᠪᠬᠢ ᠳᠤᠭᠳᠠᠭᠤᠨ ᠢᠶᠠᠷ ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠠᠵᠢᠯ ᠦᠢᠯᠡᠰ ᠳᠤ ᠨᠡᠶᠢᠳᠡ 30 ᠳ᠋ᠦᠩᠰᠢᠭᠤᠷ ᠲᠦᠭᠦᠷᠢᠭ ᠪᠡᠯᠨ ᠤᠷᠤᠭᠤᠯᠵᠥ᠂ ︽ᠠᠷᠪᠠᠨ ᠨᠢᠬᠡᠳᠤᠬᠡᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 1.6 ᠳᠠᠬᠢᠨ ᠪᠠᠶᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠤᠳᠠᠳᠤ ᠠᠵᠢᠯ ᠢ ᠪᠦᠲᠦᠮᠵᠢᠲᠠᠢ ᠨᠠᠶᠢᠳᠠᠪᠦᠷᠢᠵᠢᠭᠤᠯᠪᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠡᠵᠡᠮᠳᠡᠵᠤ ᠪᠤᠯᠬᠤᠶᠢᠴᠠ ᠤᠷᠤᠯᠭ᠎ᠠ 2010 ᠤᠨ ᠳᠤ 15147 ᠲᠦᠭᠦᠷᠢᠭ ᠪᠠᠶᠢᠭᠰᠠᠨ ᠎ ᠠᠴᠠ ᠪᠠᠨ ᠨᠡᠮᠡᠭᠳᠡᠬᠡᠤᠨ 30204 ᠲᠦᠭᠦᠷᠢᠭ ᠲᠤ ᠬᠦᠷᠴᠥ᠂ ᠵᠢᠯ ᠪᠦᠷᠢ 20%᠎ ᠪᠠᠷ ᠨᠡᠮᠡᠭᠳᠡᠪᠡ᠃ 429 ᠡᠷᠦᠬᠡ 2156 ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠪᠦᠬᠦ ᠬᠤᠰᠢᠭᠤᠨ ᠤ ᠮᠠᠯᠵᠢᠬᠤ ᠤᠷᠤᠨ ᠤ ᠬᠦᠮᠦᠨ ᠠᠮᠠ ᠳᠤ ᠡᠵᠡᠯᠡᠬᠦ ᠬᠠᠷᠢᠴᠠᠯ ᠨᠢ 17% ᠪᠠᠶᠢᠭᠰᠠᠨ ᠠᠴᠠ ᠪᠠᠨ ᠪᠠᠭᠤᠷᠠᠭᠠᠤᠨ 4% ᠪᠤᠯᠪᠠ᠃ ᠲᠠᠪᠤᠨ ᠵᠢᠯ ᠳᠤ ᠨᠡᠶᠢᠳᠡ 2.8 ᠲᠦᠮᠡᠨ ᠠᠵᠢᠯ ᠤᠨ ᠪᠠᠶᠢᠷᠢ ᠶᠢ ᠴᠤᠭᠯᠠᠭᠤᠯᠵᠤ᠂ ᠡᠯ᠎ᠡ ᠲᠦᠷᠦᠯ ᠤᠨ ᠬᠦᠮᠦᠰ ᠳᠤ 1.2 ᠲᠦᠮᠡᠨ ᠬᠦᠮᠦᠨ ᠤᠳᠠᠭ᠎ᠠ ᠠᠵᠢᠯ ᠲᠣᠬᠢᠷᠠᠭᠤᠯᠵᠦ᠂ ᠨᠢᠬᠡ ᠬᠡᠷ ᠪᠦᠯᠢ ᠳᠤ ᠠᠳᠠᠭ ᠲᠠᠭᠠᠨ ᠨᠢᠬᠡ ᠬᠦᠮᠦᠨ ᠠᠵᠢᠯ ᠤᠨ ᠪᠠᠶᠢᠷᠢ ᠲᠠᠢ ᠪᠠᠶᠢᠬᠤ ᠶᠢ ᠪᠠᠲᠤᠯᠠᠪᠠ᠃ ᠡᠯ᠎ᠡ ᠲᠦᠷᠦᠯ ᠤᠨ ᠲᠠᠬᠢᠨ ᠠᠵᠢᠯ ᠤᠯᠭᠤᠬᠤ ᠰᠠᠭᠤᠷᠢᠨ ᠭᠠᠵᠠᠷ ᠢ ᠨᠡᠶᠢᠳᠡ 10᠎ ᠶᠢ ᠪᠠᠶᠢᠭᠤᠯᠵᠤ᠂ ᠠᠵᠢᠯ ᠤᠯᠭᠤᠯᠳᠠ ᠶᠢᠨ ᠨᠠᠶᠢᠬᠡᠮ ᠲᠤᠭᠤᠷᠢᠭ 4᠎ ᠶᠢ ᠪᠠᠶᠢᠭᠤᠯᠵᠤ᠂ ᠠᠶᠢᠮᠠᠭ ᠤᠨ ᠳᠡᠰ ᠤᠨ ᠰᠣᠶᠣᠯ ᠤᠨ ᠦᠢᠯᠡᠰ ᠪᠦᠲᠦᠬᠡᠬᠦ ᠬᠦᠷᠢᠶᠡᠯᠡᠩ 1᠎ ᠶᠢ ᠪᠠᠶᠢᠭᠤᠯᠪᠠ᠃ ᠬᠤᠰᠢᠭᠤᠨ ᠤ ᠲᠡᠰ ᠤᠨ ᠠᠳᠠᠯ ᠦᠢᠯᠡᠰ ᠪᠦᠳᠤᠬᠡᠬᠦ ᠬᠦᠷᠢᠶᠠᠯᠡᠩ ᠨᠢ ᠦᠪᠡᠷᠳᠡᠬᠡᠨ ᠵᠠᠰᠠᠬᠤ ᠤᠷᠤᠨ ᠎ ᠤ ᠰᠢᠨᠵᠢᠯᠡᠭᠡ ᠮᠡᠷᠬᠡᠵᠢᠯ ᠤᠨ ᠠᠵᠥ ᠠᠬᠤᠶᠢᠯᠠᠯ ᠢ ᠪᠦᠢᠵᠢᠭᠤᠯᠬᠤ ᠴᠡᠭ ᠢᠶᠠᠷ ᠲᠤᠭᠳᠠᠭᠠᠭᠳᠠᠪᠠ᠃ ᠨᠡᠶᠢᠬᠡᠮ ᠤᠨ ᠪᠠᠲᠤᠯᠭᠠᠨ ᠤ ᠰᠢᠰᠲ᠋ᠧᠮ ᠢ ᠤᠯᠠᠮ ᠨᠢᠬᠡ ᠠᠯᠬᠤᠮ ᠪᠦᠷᠢᠨᠰᠢᠬᠦᠯᠵᠤ᠂ ᠬᠤᠳᠠ ᠪᠠᠯᠭᠠᠰᠤᠨ ᠤ ᠠᠵᠢᠯᠳᠠᠨ ᠤ ᠦᠨᠳᠤᠰᠤᠨ ᠨᠠᠰᠤᠵᠢᠯ ᠤᠨ ᠲᠠᠭᠠᠤᠠᠬᠠᠯ᠂ ᠡᠮ ᠡᠮᠨᠡᠯᠬᠡ ᠶᠢᠨ ᠳᠠᠭᠠᠳᠬᠠᠯ᠂ ᠠᠵᠢᠯ ᠠᠯᠳᠠᠭᠰᠠᠤᠨ ᠤᠨ ᠳᠠᠭᠠᠳᠬᠠᠯ᠂ ᠬᠥᠩᠬᠡᠵᠢᠯ ᠤᠨ ᠳᠠᠭᠠᠳᠬᠠᠯ ᠵᠡᠷᠭᠡ ᠬᠠᠷᠠᠭᠠᠯᠵᠠᠯᠠᠯ ᠢ ᠶᠡᠬᠡᠪᠡᠷ ᠲᠡᠬᠡᠭᠰᠢᠯᠡᠬᠦᠯᠵᠥ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠪᠠᠷᠢᠮᠵᠢᠶᠡᠠ ᠳᠤ ᠬᠦᠷᠤᠭ᠍ᠰᠡᠤᠨ ᠢ ᠪᠦᠬᠦᠨ ᠢ ᠨᠢ ᠪᠠᠳᠤᠯᠠᠬᠤ ᠶᠢ ᠪᠠᠶᠡᠯᠡᠬᠦᠯᠵᠥ᠂ ᠡᠯ᠎ᠡ ᠲᠦᠷᠦᠯ ᠤᠨ ᠶᠠᠳᠠᠭᠤ ᠬᠦᠴᠢᠷᠳᠡᠯᠲᠠᠢ ᠬᠦᠮᠦᠰ ᠢ ᠲᠤᠰᠠᠯᠠᠬᠤ ᠲᠦᠷᠦ ᠶᠢᠨ ᠪᠤᠳᠤᠯᠭ᠎ᠠ ᠶᠢ ᠲᠠᠰᠤᠷᠤᠯᠳᠠ ᠦᠬᠡᠢ ᠦᠷᠬᠡᠳᠬᠡᠨ ᠬᠡᠷᠡᠭᠵᠢᠬᠦᠯᠪᠡ᠃ ᠨᠡᠶᠢᠳᠡ 1024 ᠲᠦᠮᠡᠨ ᠲᠦᠭᠦᠷᠢᠭ ᠤᠨ ᠲᠤᠰᠠᠯᠠᠮᠵᠢ ᠶᠢᠨ ᠪᠡᠯᠨ ᠮᠥᠩᠭᠦ ᠤᠷᠤᠭᠤᠯᠵᠥ᠂ ᠡᠮ ᠡᠮᠨᠡᠯᠬᠡ ᠶᠢᠨ ᠳᠤᠰᠠᠯᠠᠮᠵᠢ ᠶᠢ 2.1 ᠲᠦᠮᠡᠨ ᠬᠦᠮᠦᠨ ᠤᠳᠠᠭ᠎ᠠ ᠬᠡᠷᠩᠵᠢᠬᠦᠯᠵᠥ᠂ ᠬᠤᠳᠠ ᠬᠦᠳᠡᠭᠡ ᠶᠢᠨ ᠬᠦᠴᠢᠷᠳᠡᠯᠲᠠᠢ ᠤᠯᠠᠨ ᠲᠦᠮᠡᠨ ᠢ 2548 ᠬᠦᠮᠦᠨ ᠤᠳᠠᠭ᠎ᠠ᠂ ᠬᠦᠴᠢᠷᠳᠡᠯᠳᠡᠢ ᠶᠡᠭᠡ ᠰᠤᠷᠭᠠᠭᠤᠯᠢ ᠶᠢᠨ ᠤᠶᠤᠳᠠᠨ ᠎ ᠢ 251 ᠬᠦᠮᠦᠨ ᠤᠳᠠᠭ᠎ᠠ ᠲᠤᠰᠠᠯᠠᠬᠤ ᠶᠢ ᠪᠡᠶᠡᠯᠡᠬᠦᠯᠪᠡ᠃ ᠦᠨᠳᠦᠷ ᠨᠠᠰᠤᠲᠠᠳ ᠤᠨ ᠠᠮᠢᠳᠤᠷᠠᠯ ᠤᠨ ᠨᠦᠬᠦᠪᠦᠷᠢ ᠎ ᠶᠢ ᠨᠡᠶᠢᠳᠡ 213 ᠲᠦᠮᠡᠨ ᠲᠦᠭᠦᠷᠢᠭ ᠲᠠᠷᠬᠠᠭᠠᠵᠥ᠂ ᠬᠢᠮᠳᠠ ᠲᠦᠷᠢᠶᠡᠰᠦᠨ ᠭᠡᠷ ᠤᠨ ᠲᠦᠷᠢᠶᠡᠰᠦᠨ ᠮᠥᠩᠭᠦ ᠶᠢᠨ ᠨᠦᠬᠦᠪᠤᠷᠢ ᠶᠢ 2011 ᠡᠷᠦᠬᠡ ᠤᠳᠠᠭ᠎ᠠ 336 ᠲᠦᠮᠡᠨ ᠲᠦᠭᠦᠷᠢᠭ ᠲᠠᠯᠪᠢᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠳᠤ ᠪᠤᠳᠠᠳᠤ ᠠᠰᠢᠭ ᠬᠦᠷᠳᠡᠬᠡᠪᠡ᠃     ᠨᠡᠶᠢᠭᠡᠮ ᠤᠨ ᠠᠵᠢᠯ ᠦᠢᠯᠡᠰ ᠵᠤᠬᠢᠴᠠᠩᠭᠦᠢ ᠬᠦᠭᠵᠢᠵᠦ᠂ ᠡᠶ᠎ᠡ ᠵᠤᠬᠢᠴᠠᠯᠳᠤ ᠤᠷᠴᠢᠨ ᠲᠤᠭᠤᠷᠢᠨ ᠢ ᠲᠠᠰᠤᠷᠤᠯᠳᠠ ᠦᠬᠡᠢ ᠪᠠᠬᠢᠵᠢᠭᠦᠯᠪᠡ᠃ ᠰᠤᠷᠭᠠᠨ ᠬᠦᠮᠦᠵᠢᠯ ᠤᠨ ᠦᠢᠯᠡᠰ ᠢ ᠤᠷᠢᠳᠴᠢᠯᠠᠨ ᠭᠦᠭᠵᠢᠭᠦᠯᠵᠦ᠂ ᠲᠠᠪᠤᠨ ᠵᠢᠯ ᠳᠤ ᠪᠦᠬᠦ ᠨᠡᠶᠢᠳᠡ 3.85 ᠳ᠋ᠥᠩᠰᠢᠭᠤᠷ ᠲᠦᠭᠦᠷᠢᠭ ᠢ ᠰᠣᠷᠭᠠᠨ ᠭᠦᠮᠦᠵᠢᠯ ᠤᠨ ᠦᠢᠯᠡᠰ ᠳᠤ ᠵᠠᠷᠣᠴᠠᠭᠤᠯᠵᠦ ᠂ ︽ᠠᠷᠪᠠᠨ ᠨᠢᠭᠡᠳᠦᠭᠡᠷ ᠲᠠᠪᠣᠨ ᠵᠢᠯ︾  ᠎ ᠤᠨ 1.8 ᠲᠠᠬᠢᠨ ᠳᠤ ᠭᠦᠷᠪᠡ᠃ ᠮᠠᠨᠳᠣᠯ᠎ᠠ ᠪᠠᠭ᠎ᠠ ᠰᠤᠷᠭᠠᠭᠤᠯᠢ᠂ ᠬᠤᠶᠠᠳᠤᠭᠠᠷ ᠦᠨᠳᠦᠰᠦᠳᠡᠨ ᠤ ᠬᠡᠤᠬᠡᠳ ᠤᠨ ᠴᠡᠴᠡᠷᠯᠢᠭ ᠢ ᠪᠠᠶᠢᠭᠤᠯᠬᠤ ᠪᠠᠷᠢᠯᠭ᠎ᠠ ᠶᠢ ᠡᠬᠢᠯᠡᠬᠦᠯᠵᠦ᠂ ᠨᠢᠭᠡᠳᠦᠭᠡᠷ ᠬᠡᠤᠬᠡᠳ ᠤᠨ ᠴᠡᠴᠡᠷᠯᠢᠭ᠂ ᠭᠤᠷᠪᠠᠳᠤᠭᠠᠷ ᠦᠨᠳᠦᠰᠦᠳᠡᠨ ᠤ ᠬᠡᠤᠬᠡᠳ ᠤᠨ ᠴᠡᠴᠡᠷᠯᠢᠭ ᠪᠠ ᠢ ᠹᠦ᠋ ᠪᠠᠭ᠎ᠠ ᠰᠤᠷᠭᠠᠭᠤᠯᠢ᠂ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ ᠎ ᠢ ᠪᠠᠶᠢᠭᠤᠯᠵᠤ᠂ ᠡᠯ᠎ᠡ ᠰᠤᠷᠭᠠᠭᠤᠯᠢ ᠶᠢ ᠴᠦᠮ ᠪᠠᠷᠢᠮᠵᠢᠶᠠᠵᠢᠭᠰᠠᠨ ᠰᠤᠷᠭᠠᠭᠤᠯᠢ ᠡᠷᠬᠢᠯᠡᠬᠦ ᠨᠦᠬᠦᠴᠡᠯ ᠳᠤ ᠬᠦᠷᠭᠡᠪᠡ ᠃ ᠰᠤᠷᠤᠯᠭ᠎ᠠ ᠳᠡᠳᠬᠦᠬᠦ ᠮᠥᠩᠭᠦ ᠨᠡᠶᠢᠳᠡ 2460 ᠲᠦᠮᠡᠨ ᠲᠦᠬᠦᠷᠢᠭ ᠲᠠᠯᠪᠢᠵᠦ᠂ ᠠᠰᠢᠭ ᠬᠦᠷᠳᠡᠭᠰᠡᠨ ᠰᠤᠷᠤᠭᠴᠢ 2.6 ᠲᠦᠮᠡᠨ ᠬᠦᠮᠦᠨ ᠤᠳᠠᠭ᠎ᠠ ᠬᠦᠷᠴᠦ᠂ ᠭᠡᠷ ᠪᠦᠯᠢ ᠠᠵᠤ ᠠᠬᠤᠢ ᠶᠢᠨ ᠬᠦᠴᠢᠷᠳᠡᠯ ᠠᠴᠠ ᠪᠤᠯᠵᠤ ᠬᠡᠤᠬᠡᠳ ᠤᠨ ᠰᠤᠷᠤᠯᠭ᠎ᠠ ᠠᠯᠳᠠᠬᠤ ᠶᠢ ᠦᠬᠡᠶᠢᠰᠬᠡᠪᠡ᠃ ᠰᠠᠭᠤᠷᠢ ᠰᠣᠷᠭᠠᠨ ᠭᠦᠮᠦᠵᠢᠯ ᠤᠨ ᠶᠠᠰᠦ ᠴᠢᠨᠠᠷ ᠢ ᠲᠡᠭᠡᠭᠰᠢᠯᠡᠭᠦᠯᠬᠦ ᠭᠤᠷᠪᠠᠨ ᠵᠢᠯ ᠤᠨ ᠲᠦᠯᠦᠪᠵᠢᠭᠦᠯᠦᠯᠭᠡ ᠶᠢ ᠭᠡᠷᠡᠭᠵᠢᠭᠦᠯᠵᠦ᠂ 128 ᠨᠠᠷ᠎ᠡ ᠪᠠᠭᠰᠢ ᠪᠠ ᠬᠠᠪᠰᠣᠷᠣᠨ ᠵᠢᠭᠠᠨ ᠵᠢᠯᠣᠭᠤᠳᠬᠤ ᠭᠦᠮᠦᠰ ᠢ ᠢᠯᠡ ᠪᠠᠷ ᠡᠯᠰᠡᠨ ᠬᠡᠷᠡᠭᠯᠡᠪᠡ᠃ ᠠᠯᠪᠠᠨ ᠵᠢᠷᠤᠮ ᠤᠨ ᠰᠣᠷᠭᠠᠨ ᠭᠦᠮᠦᠵᠢᠯ ᠤᠨ ᠰᠣᠷᠭᠠᠭᠤᠯᠢ ᠳᠤ ᠣᠷᠣᠬᠤ ᠨᠣᠷᠮ᠎ᠠ 100%᠎ ᠳᠤ ᠭᠦᠷᠴᠦ᠂ ᠦᠨᠳᠦᠷ ᠲᠣᠮᠳᠠ ᠶᠢᠨ ᠰᠣᠷᠭᠠᠭᠤᠯᠢ ᠎ ᠳᠤ ᠣᠷᠣᠬᠤ ᠨᠣᠷᠮ᠎ᠠ 90%᠎ ᠳᠤ ᠭᠦᠷᠪᠡ᠃ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠵᠤ ᠤᠷᠤᠬᠤ ᠨᠤᠷᠮ᠎ᠠ 2010 ᠤᠨ ᠤ 11% ᠪᠠᠶᠢᠭᠰᠠᠨ ᠠᠴᠠ ᠦᠰᠦᠭᠡᠳ 71%᠎ ᠳᠤ ᠬᠦᠷᠴᠦ᠂ ᠮᠤᠩᠭᠤᠯ ᠢᠶᠠᠷ ᠬᠢᠴᠢᠶᠡᠯᠯᠡᠬᠦ ᠠᠩᠬ᠎ᠠ ᠳᠤᠮᠳᠠ ᠶᠢᠨ ᠰᠤᠷᠭᠠᠭᠤᠯᠢ ᠳᠡᠪᠰᠢᠬᠦ ᠰᠢᠯᠭᠠᠯᠳᠠ ᠶᠢᠨ ᠬᠢᠷᠢ ᠪᠦᠲᠦᠮᠵᠢ ᠪᠦᠬᠦ ᠠᠶᠢᠮᠠᠭ ᠤᠨ ᠳᠤᠮᠳᠠ ᠠᠴᠠ ᠳᠡᠭᠡᠭᠦᠷ ᠲᠦᠪᠰᠢᠨ ᠳᠤ ᠬᠦᠷᠪᠡ᠃ ᠪᠦᠬᠦ ᠬᠤᠰᠢᠭᠤᠨ ᠤᠨ ᠰᠤᠷᠭᠠᠨ ᠬᠦᠮᠦᠵᠢᠯ ᠤᠨ ᠪᠠᠶᠢᠷᠢᠭᠤᠯᠤᠯᠳᠠ ᠨᠡᠩ ᠵᠦᠢ ᠵᠤᠬᠢᠰᠲᠠᠢ ᠪᠤᠯᠵᠤ᠂ ᠰᠤᠷᠭᠠᠭᠤᠯᠢ ᠡᠷᠬᠢᠯᠡᠬᠦ ᠨᠦᠬᠦᠴᠡᠯ ᠪᠦᠬᠦ ᠲᠠᠯ᠎ᠠ ᠪᠠᠷ ᠰᠠᠶᠢᠵᠢᠷᠠᠵᠤ ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠳᠤᠭᠲᠠᠭᠤᠨ ᠢᠶᠠᠷ ᠳᠡᠭᠡᠭᠰᠢᠯᠡᠬᠦᠯᠪᠡ᠃     ᠦᠨᠳᠦᠰᠦᠲᠡᠨ ᠤ ᠰᠤᠶᠤᠯ ᠲᠠᠮᠢᠷ ᠷᠠᠳᠢᠤ᠋ ᠨᠡᠪᠳᠡᠷᠡᠭᠦᠯᠬᠡ ᠶᠢᠨ ᠠᠵᠢᠯ ᠦᠢᠯᠡᠰ ᠦᠷᠨᠢᠨ ᠬᠦᠭᠵᠢᠪᠠ᠃ ᠰᠤᠮᠤ ᠪᠠᠯᠭᠠᠰᠤᠨ ᠤ ᠶᠡᠷᠥᠩᠬᠡᠶᠢᠯᠡᠭᠰᠡᠨ ᠰᠤᠶᠤᠯ ᠤᠨ ᠦᠷᠳᠡᠭᠡ 2᠎ ᠶᠢ ᠪᠠᠶᠢᠭᠤᠯᠤᠨ᠂ ᠭᠠᠴᠠᠭᠠᠨ ᠤ ᠰᠤᠶᠤᠯ ᠤᠨ ᠬᠦᠳᠡᠯᠬᠡᠬᠡᠨ ᠤ ᠬᠡᠷ 43᠎ ᠶᠢ ᠪᠠᠶᠢᠭᠤᠯᠵᠤ᠂ ᠭᠠᠴᠠᠭ᠎ᠠ ᠪᠤᠯᠭᠠᠨ ᠳᠤ ᠲᠠᠯ᠎ᠠ ᠨᠤᠲᠤᠭ ᠤᠨ ᠨᠤᠮ ᠤᠨ ᠦᠷᠦᠬᠡ ᠶᠢ ᠪᠠᠶᠢᠭᠤᠯᠪᠠ᠃ ᠷᠠᠳᠢᠤ᠋ ᠨᠡᠪᠳᠡᠷᠡᠭᠦᠯᠬᠡ ᠪᠠ ᠲᠧᠯᠸᠢᠰ ᠤᠨ ᠶᠡᠷᠥᠩᠬᠡᠢ ᠪᠦᠷᠬᠦᠯᠳᠠ ᠶᠢᠨ ᠨᠤᠷᠮ᠎ᠠ ᠶᠢ ᠲᠤᠰᠪᠦᠷᠢ 98% ᠪᠤᠯᠤᠨ 99%᠎ ᠳᠤ ᠬᠦᠷᠭᠡᠵᠦ᠂ 2010 ᠤᠨ ᠤ ᠬᠢ ᠠᠴᠠ 4 ᠪᠤᠯᠤᠨ 3 ᠵᠠᠭᠤᠨ ᠤ ᠬᠤᠪᠢ ᠪᠠᠷ ᠨᠡᠮᠡᠭᠳᠡᠪᠡ᠃ ︽ᠬᠢᠯᠦᠬᠡᠨ︾ ᠰᠦᠨᠢᠳ ᠰᠤᠶᠤᠯ ᠤᠨ ᠨᠠᠶᠢᠷ ᠪᠤᠯᠤᠨ ᠦᠨᠳᠤᠷ ᠨᠠᠰᠤᠲᠠᠳ ᠤᠨ ᠨᠠᠰᠤᠨ ᠪᠡᠶᠡᠷ ᠢ ᠪᠡᠯᠡᠭᠯᠡᠬᠦ ᠬᠠᠮᠳᠤ ᠶᠢᠨ ᠨᠠᠶᠢᠷ᠂ ᠰᠦᠨᠢᠳ ᠲᠡᠮᠡᠭᠡᠨ ᠰᠤᠶᠤᠯ ᠤᠨ ᠨᠠᠶᠢᠷ ᠵᠡᠷᠭᠡ ᠲᠠᠪᠤᠨ ᠨᠡᠷᠡᠲᠦ ᠲᠡᠮᠳᠡᠭᠲᠦ ᠰᠤᠶᠤᠯ ᠎ ᠤᠨ ᠬᠦᠳᠡᠯᠬᠡᠬᠡᠨ ᠤ ᠨᠦᠯᠦᠬᠡ ᠳᠠᠰᠤᠷᠤᠯᠳᠠ ᠦᠬᠡᠢ ᠨᠡᠮᠡᠭᠳᠡᠪᠡ᠃ ᠲᠠᠮᠠᠭ᠎ᠠ᠂ ᠳᠡᠬᠡᠰᠦᠨ ᠰᠤᠶᠤᠯ ᠵᠡᠷᠭᠡ ᠪᠤᠳᠠᠰ ᠎ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠠᠵᠢᠯ ᠢᠯᠡᠳᠳᠡ ᠠᠮᠵᠢᠯᠳᠠ ᠤᠯᠵᠤ᠂ ᠡᠩᠭᠡᠷ ᠭᠤᠤᠯ ᠤᠨ ᠶᠤᠸᠠᠨ ᠎ ᠤ ᠦᠶ᠎ᠡ ᠶᠢᠨ ᠤᠩᠭᠤᠨ ᠪᠤᠯᠤᠨ ᠠᠯᠳᠠᠨ ᠤᠯᠤᠰ ᠤᠨ ᠪᠤᠷᠤ ᠬᠡᠷᠡᠮ ᠤᠨ ᠪᠠᠭᠤᠷᠢ ᠨᠢ ᠤᠯᠤᠰ ᠤᠨ ᠭᠤᠤᠯᠳᠠᠯᠭ᠎ᠠ ᠎ ᠲᠠᠢ ᠲᠡᠥᠬᠡ ᠶᠢᠨ ᠲᠤᠷᠠᠰᠬᠠᠯᠳᠤ ᠵᠦᠢᠯ ᠢ ᠬᠠᠮᠠᠭᠠᠯᠠᠬᠤ ᠪᠠᠶᠢᠭᠤᠯᠭ᠎ᠠ ᠳᠤ ᠲᠡᠮᠳᠡᠭᠯᠡᠭᠳᠡᠪᠡ᠃ ᠨᠢᠬᠡ ᠪᠦᠯᠦᠭ ᠭᠠᠵᠠᠷ ᠣᠷᠣᠨ ᠤ ᠦᠨᠳᠦᠰᠦᠲᠡᠨ ᠤ ᠤᠨᠴᠠᠯᠢᠭ ᠢ ᠲᠦᠯᠦᠭᠡᠯᠡᠭᠰᠡᠨ ᠤᠷᠠᠯᠢᠭ ᠰᠤᠶᠤᠯ ᠤᠨ ᠤᠷᠠᠨ ᠪᠦᠲᠦᠭᠡᠯ ᠵᠤᠬᠢᠶᠠᠭᠳᠠᠵᠤ ᠂ ᠨᠡᠶᠢᠳᠡ 40 ᠭᠠᠷᠤᠢ ᠲᠦᠷᠦᠯ ᠤᠨ ᠤᠳᠬ᠎ᠠ ᠵᠤᠬᠢᠶᠠᠯ ᠤᠨ ᠨᠤᠮ ᠪᠢᠴᠢᠭ ᠢ ᠬᠡᠪᠯᠡᠵᠦ᠂ 70 ᠭᠠᠷᠤᠢ ᠤᠷᠠᠯᠢᠭ ᠎ ᠤᠨ ᠪᠦᠲᠦᠬᠡᠯ ᠢ ᠵᠤᠬᠢᠶᠠᠨ ᠪᠦᠲᠦᠬᠡᠪᠡ᠃ ᠤᠷᠢᠳ ᠬᠤᠵᠢᠳ ᠪᠦᠬᠦ ᠠᠶᠢᠮᠠᠭ ᠤᠨ ᠬᠤᠶᠠᠷ ᠪᠤᠯᠪᠠᠰᠤᠨ ᠤ ᠪᠦᠲᠦᠬᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠪᠤᠯᠤᠨ ᠡᠯ᠎ᠡ ᠲᠦᠷᠦᠯ ᠤᠨ ᠲᠤᠮᠤ ᠬᠡᠪᠴᠢᠶᠡᠨ ᠤ ᠲᠠᠮᠢᠷ ᠎ ᠤᠨ ᠤᠷᠤᠯᠳᠤᠭᠠᠨ ᠤ ᠬᠦᠳᠡᠯᠬᠡᠬᠡᠨ ᠢ ᠠᠮᠵᠢᠯᠳᠠ ᠲᠠᠢ ᠳᠠᠭᠠᠭᠠᠴᠢᠯᠠᠨ ᠬᠢᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠡᠪ ᠪᠦᠯᠬᠦᠮᠳᠡᠯ ᠢ ᠶᠡᠬᠡᠪᠡᠷ ᠠᠬᠢᠭᠤᠯᠵᠤ᠂ ᠰᠦᠨᠢᠳ ᠵᠡᠬᠦᠨ ᠬᠤᠰᠢᠭᠤᠨ ᠤ ᠨᠡᠷ᠎ᠡ ᠠᠯᠳᠠᠷ ᠪᠤᠯᠤᠨ ᠨᠦᠯᠦᠬᠡᠯᠡᠬᠦ ᠬᠦᠴᠦᠨ ᠢ ᠨᠡᠮᠡᠭᠳᠡᠬᠦᠯᠪᠡ᠃     ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠬᠢᠷᠢ ᠲᠦᠪᠰᠢᠨ ᠲᠠᠰᠣᠷᠠᠯᠲᠠ ᠦᠭᠡᠢ ᠳᠡᠭᠡᠭᠰᠢᠯᠡᠪᠡ ᠃ 4 ᠰᠠᠭᠤᠷᠢ ᠪᠠᠷᠢᠮᠵᠢᠶᠠᠵᠢᠭᠰᠠᠨ ᠦᠨᠳᠦᠰᠦᠨ ᠱᠠᠳᠣᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 35 ᠰᠠᠭᠤᠷᠢ ᠪᠠᠷᠢᠮᠵᠢᠶᠠᠵᠢᠭᠰᠠᠨ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠢ ᠪᠠᠶᠢᠭᠤᠯᠵᠤ᠂ ᠭᠤᠷᠪᠠᠨ ᠱᠠᠳᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠡᠳᠦᠷ ᠢᠷᠡᠬᠦᠶ᠎ᠡ ᠪᠦᠷᠢᠨᠰᠢᠪᠡ᠃ ᠣᠷᠢᠨ ᠣᠷᠣᠭᠤᠯᠬᠤ ᠪᠠ ᠰᠢᠯᠭᠠᠨ ᠡᠯᠰᠡᠬᠦ ᠬᠡᠯᠪᠡᠷᠢ ᠪᠠᠷ 34 ᠨᠡᠷ᠎ᠡ ᠡᠷᠡᠬᠦᠯ ᠬᠠᠮᠠᠭᠠᠯᠠᠯ ᠤᠨ ᠮᠡᠷᠭᠡᠵᠢᠯᠳᠡᠨ ᠡᠯᠰᠡᠵᠦ᠂ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠳᠠᠨ ᠳᠤ ᠤᠷᠢᠵᠦ ᠬᠡᠷᠡᠭᠯᠡᠬᠦ ᠬᠠᠮᠢᠶᠠᠷᠤᠯᠳᠠ ᠶᠢ ᠬᠡᠷᠡᠭᠵᠢᠬᠦᠯᠪᠡ᠃ ᠪᠦᠬᠦ ᠬᠤᠰᠢᠭᠤᠨ ᠤ ᠦᠨᠳᠦᠰᠦᠨ ᠱᠠᠳᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠦᠨᠳᠦᠰᠦᠨ ᠡᠮ ᠎ ᠤᠨ ᠳᠦᠷᠢᠮ ᠢ ᠬᠡᠷᠡᠭᠵᠢᠬᠦᠯᠵᠦ᠂ ᠬᠤᠰᠢᠭᠤ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠡᠮ ᠤᠨ ᠨᠡᠮᠡᠯᠳᠡ ᠦᠨ᠎ᠡ ᠶᠢ ᠦᠬᠡᠶᠢᠰᠬᠡᠵᠦ᠂ ᠤᠭ ᠦᠨ᠎ᠡ ᠪᠠᠷ ᠬᠤᠳᠠᠯᠳᠣᠬᠤ ᠶᠢ ᠪᠡᠶᠡᠯᠡᠭᠦᠯᠪᠡ᠃ ᠮᠠᠯᠴᠢᠳ ᠲᠤ ᠡᠷᠡᠬᠦᠯ ᠴᠢᠬᠢᠷᠠᠭ ᠤᠨ ᠪᠡᠶ᠎ᠡ ᠶᠢᠨ ᠪᠠᠶᠢᠴᠠᠭᠠᠯᠳᠠ 4878 ᠬᠦᠮᠦᠨ ᠤᠳᠠᠭ᠎ᠠ᠂ ᠲᠦᠷᠦᠬᠦ ᠨᠠᠰᠤᠨ ᠤ ᠡᠮᠡᠭᠳᠠᠶᠢᠴᠤᠳ ᠎ ᠤᠨ ︽ᠬᠤᠶᠠᠷ ᠦᠮᠠᠨ︾᠎ ᠤ ᠪᠠᠶᠢᠴᠠᠭᠠᠯᠳᠠ 11248 ᠬᠦᠮᠦᠨ ᠤᠳᠠᠭ᠎ᠠ᠂ ᠵᠢᠷᠮᠤᠰᠦᠯᠡᠬᠦ ᠠᠴᠠ ᠡᠮᠦᠨᠡᠬᠢ ᠰᠢᠯᠢᠳᠡᠭ ᠲᠦᠷᠦᠬᠦ ᠡᠷᠡᠬᠦᠯ ᠴᠢᠬᠢᠷᠠᠭ ᠤᠨ ᠪᠠᠶᠢᠴᠠᠭᠠᠯᠳᠠ ᠶᠢ 1114 ᠬᠦᠮᠤᠨ ᠳᠤ ᠦᠨ᠎ᠡ ᠲᠦᠯᠦᠪᠦᠷᠢ ᠦᠭᠡᠢ ᠪᠠᠶᠢᠴᠠᠭᠠᠯᠳᠠ ᠬᠢᠬᠦ ᠶᠢ ᠪᠡᠶᠡᠯᠡᠬᠦᠯᠪᠡ᠃ ᠡᠷᠡᠭᠦᠯ ᠮᠡᠨᠳᠦ ᠶᠢᠨ ᠡᠮ ᠤᠨ ᠬᠠᠶᠢᠷᠴᠠᠭ ᠢ 3108 ᠬᠤᠪᠢ ᠲᠠᠷᠬᠠᠭᠠᠵᠦ᠂ ᠡᠷᠡᠭᠦᠯ ᠬᠠᠮᠠᠭᠠᠯᠠᠯ ᠤᠨ ᠬᠢᠨᠠᠯᠳᠠ ᠶᠢᠨ ᠪᠦᠷᠬᠦᠴᠡ ᠶᠢ 100%᠎ ᠳᠤ ᠬᠦᠷᠭᠡᠪᠡ᠃ ᠲᠦᠯᠦᠪᠯᠡᠬᠡᠳᠦ ᠦᠷᠡᠵᠢᠯ ᠤᠨ ᠦᠨᠳᠦᠰᠦᠨ ᠲᠦᠷᠦ ᠶᠢᠨ ᠪᠤᠳᠤᠯᠭ᠎ᠠ ᠶᠢ ᠪᠠᠷᠢᠮᠲᠠᠯᠠᠵᠤ᠂ ᠲᠦᠯᠦᠪᠯᠡᠬᠡᠳᠦ ᠦᠷᠡᠵᠢᠯ ᠤᠨ ᠨᠤᠷᠮ᠎ᠠ 99.3%᠎ ᠳᠤ ᠬᠦᠷᠴᠦ᠂ ᠬᠦᠮᠦᠨ ᠠᠮᠠ ᠶᠢᠨ ᠶᠠᠰᠤ ᠴᠢᠨᠠᠷ ᠢ ᠳᠠᠰᠤᠷᠤᠯᠳᠠ ᠦᠬᠡᠢ ᠰᠠᠶᠢᠵᠢᠷᠠᠭᠤᠯᠪᠠ᠃     ᠠᠶᠣᠯᠭᠦᠢ ᠦᠢᠯᠡᠳᠪᠦᠷᠢᠯᠡᠯ ᠤᠨ ᠠᠮᠤᠷ ᠲᠦᠪᠰᠢᠨ ᠢ ᠦᠷᠭᠦᠯᠵᠢᠯᠡᠨ ᠰᠠᠶᠢᠵᠢᠷᠠᠭᠤᠯᠪᠠ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭᠠᠳᠤ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠤ᠂ ᠴᠢᠬᠤᠯᠠ ᠬᠦᠷᠢᠶ᠎ᠡ ᠬᠡᠪᠴᠢᠶᠡᠨ ᠤ ᠠᠶᠣᠯᠭᠦᠢ ᠦᠢᠯᠡᠳᠪᠦᠷᠢᠯᠡᠯ ᠤᠨ ᠶᠡᠷᠥᠩᠬᠡᠢ ᠴᠡᠭᠴᠡᠯᠡᠯᠳᠡ ᠶᠢ ᠯᠠᠪᠳᠠᠭᠤᠨ ᠪᠠᠲᠤᠲᠠᠢ ᠶᠠᠪᠤᠭᠳᠠᠭᠤᠯᠵᠤ᠂ ᠤᠨᠴᠠ ᠶᠡᠭᠡ ᠠᠶᠣᠯ ᠠᠳᠡᠯ ᠡᠬᠦᠰᠬᠦ ᠶᠢ ᠡᠷᠡᠰ ᠬᠤᠷᠢᠭᠯᠠᠪᠠ᠃ ︽ᠦᠪᠦᠷ ᠮᠤᠩᠭᠤᠯ ᠤᠨ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠤ ᠪᠦᠲᠦᠬᠡᠨ ᠪᠠᠶᠢᠭᠤᠯᠣᠯᠳᠠ ᠶᠢᠨ ᠪᠠᠷᠢᠮᠵᠢᠶ᠎ᠠ︾᠎ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠰᠤᠮᠤ ᠪᠠᠯᠭᠠᠰᠤᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠪᠦᠲᠦᠬᠡᠨ ᠪᠠᠶᠢᠭᠤᠯᠤᠯᠳᠠ ᠶᠢ ᠳᠤᠭᠳᠠᠭᠰᠠᠨ ᠪᠠᠷᠢᠮᠵᠢᠶᠠᠨ ᠳᠤ ᠬᠦᠷᠬᠡᠪᠡ᠃ ᠢᠳᠡᠭᠡᠨ ᠤᠮᠳᠠᠭᠠᠨ ᠎ ᠤ ᠦᠢᠯᠡᠰ ᠤᠨ ︽ᠲᠤᠭᠤᠭᠠᠨ ᠬᠡᠷ ᠤᠨ ᠠᠷᠢᠭᠤᠨ ᠴᠡᠪᠡᠷ ᠡᠷᠡᠭᠦᠯ ᠬᠠᠮᠠᠭᠠᠯᠠᠯ ᠢ ᠪᠠᠲᠤᠯᠠᠬᠤ︾ ᠢᠨᠵᠧᠨᠧᠷᠢᠩ ᠪᠠ ᠳᠡᠰ ᠬᠤᠪᠢᠶᠠᠨ ᠬᠡᠪᠴᠢᠶᠡᠵᠢᠭᠰᠡᠨ ᠵᠡᠷᠭᠡ ᠳᠡᠰ ᠤᠨ ᠬᠢᠨᠠᠨ ᠲᠤᠭᠳᠠᠭᠠᠯ ᠤᠨ ᠠᠵᠢᠯ ᠢ ᠲᠦᠯᠬᠢᠨ ᠠᠬᠢᠭᠤᠯᠵᠤ᠂ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠬᠡᠷᠡᠭᠯᠡᠬᠡᠨ ᠳᠤ ᠪᠠᠳᠤᠯᠠᠭ᠎ᠠ ᠬᠠᠩᠭᠠᠪᠠ᠃ ᠦᠨᠳᠦᠰᠦᠳᠡᠨ ᠤ ᠪᠦᠯᠬᠦᠮᠳᠡᠨ ᠲᠠᠪᠰᠢᠬᠤ ᠠᠵᠢᠯ ᠦᠢᠯᠡᠰ ᠢ ᠲᠣᠭᠳᠠᠭᠤᠨ ᠪᠠᠷ ᠭᠦᠭᠵᠢᠭᠦᠯᠵᠦ᠂ ᠦᠪᠡᠷᠳᠡᠭᠡᠨ ᠵᠠᠰᠠᠬᠤ ᠤᠷᠤᠨ ᠠᠴᠠ ᠮᠠᠨ ᠤ ᠬᠤᠰᠢᠭᠤ ᠶᠢ ︽ᠦᠨᠳᠦᠰᠦᠳᠡᠨ ᠤ ᠪᠦᠯᠬᠦᠮᠳᠡᠨ ᠲᠠᠪᠰᠢᠭᠰᠠᠨ ᠪᠦᠲᠦᠬᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠬᠤᠰᠢᠭᠤ︾᠎ ᠪᠠᠷ ᠦᠨᠡᠯᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠎ ᠤᠨ ᠤᠷᠳᠤᠨ ᠨᠢ ᠦᠪᠡᠷᠳᠡᠭᠡᠨ ᠵᠠᠰᠠᠬᠤ ᠤᠷᠤᠨ ᠳᠤ ︽ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠢ ᠰᠤᠷᠤᠯᠴᠠᠨ ᠬᠡᠷᠡᠭᠯᠡᠭᠰᠡᠨ ᠳᠡᠷᠢᠬᠦᠨ ᠤ ᠨᠢᠬᠡᠴᠠ︾᠎ ᠪᠠᠷ ᠦᠨᠡᠯᠡᠭᠳᠡᠵᠦ᠂ ᠦᠨᠳᠦᠰᠦᠳᠡᠨ ᠤ ᠪᠦᠯᠬᠦᠮᠳᠡᠯ᠂ ᠨᠡᠶᠢᠬᠡᠮ ᠎ ᠤᠨ ᠠᠮᠤᠷ ᠲᠤᠭᠳᠠᠭᠤᠨ ᠡᠶ᠎ᠡ ᠵᠤᠬᠢᠴᠠᠯᠳᠠᠢ ᠰᠠᠶᠢᠨ ᠰᠠᠶᠢᠬᠠᠨ ᠪᠠᠶᠢᠳᠠᠯ ᠢ ᠤᠯᠠᠮ ᠨᠢᠬᠡ ᠠᠯᠬᠤᠮ ᠪᠠᠬᠢᠵᠢᠬᠦᠯᠪᠡ᠃ ᠲᠤᠭ᠎ᠠ ᠪᠦᠷᠢᠳᠬᠡᠯ᠂ ᠬᠢᠨᠠᠨ ᠪᠣᠳᠣᠬᠤ᠂ ᠦᠢᠯᠡᠳᠪᠦᠷᠢ ᠬᠤᠳᠠᠯᠳᠤᠭ᠎ᠠ᠂ ᠠᠷᠠᠳ ᠤᠨ ᠠᠭᠠᠷ ᠰᠡᠷᠭᠡᠶᠢᠯᠡᠯᠳᠡ᠂ ᠴᠠᠭ ᠠᠭᠤᠷ᠂ ᠭᠠᠳᠠᠭᠠᠳᠤ ᠶᠠᠪᠤᠯᠴᠠᠭ᠎ᠠ᠂ ᠳᠠᠩᠰᠠ ᠡᠪᠬᠢᠮᠡᠯ᠂ ᠲᠡᠤᠬᠡ ᠤᠶᠢᠯᠯᠠᠭ᠎ᠠ᠂ ᠡᠮᠡᠭᠲᠠᠶᠢᠴᠤᠳ᠂ ᠬᠡᠤᠬᠡᠳ ᠪᠠᠭᠠᠴᠤᠳ᠂ ᠨᠠᠰᠤᠲᠠᠶᠢᠴᠤᠳ ᠪᠠ ᠵᠡᠮᠳᠡᠭᠴᠤᠳ ᠤᠨ ᠠᠵᠢᠯ ᠴᠦᠮ ᠰᠢᠨ᠎ᠡ ᠠᠬᠢᠴᠠ ᠲᠠᠢ ᠪᠤᠯᠪᠠ᠃     ᠵᠠᠰᠠᠭ ᠤᠨ ᠣᠷᠳᠣᠨ ᠤ ᠲᠣᠰ ᠪᠡᠶ᠎ᠡ ᠶᠢᠨ ᠦᠭᠡᠷᠡᠴᠢᠯᠡᠯᠳᠡ ᠶᠢ ᠴᠢᠩᠭᠠᠳᠬᠠᠵᠦ᠂ ᠬᠠᠤᠯᠢ ᠪᠠᠷ ᠵᠠᠰᠠᠭ ᠪᠠᠷᠢᠬᠤ ᠦᠵᠡᠯᠳᠡ ᠶᠢ ᠲᠠᠰᠣᠷᠠᠯᠳᠠ ᠦᠭᠡᠢ ᠲᠡᠭᠡᠭᠰᠢᠯᠡᠭᠦᠯᠪᠡ᠃ ︽ᠰᠦᠨᠢᠳ ᠵᠡᠬᠦᠨ ᠬᠤᠰᠢᠭᠤᠨ ᠤ ᠠᠷᠠᠳ ᠤᠨ ᠵᠠᠰᠠᠭ ᠎ ᠤᠨ ᠤᠷᠳᠤᠨ ᠤ ᠬᠦᠨᠳᠦ ᠴᠢᠬᠤᠯᠠ ᠬᠡᠷᠡᠭ ᠶᠠᠪᠤᠳᠠᠯ ᠤᠨ ᠰᠢᠢᠳᠪᠦᠷᠢ ᠭᠠᠷᠭᠠᠬᠤ ᠠᠴᠠ ᠡᠮᠦᠨᠡᠬᠢ ᠬᠠᠤᠯᠢ ᠴᠠᠭᠠᠵᠠ ᠎ ᠶᠢᠨ ᠯᠠᠪᠯᠠᠨ ᠨᠤᠲᠠᠯᠬᠤ ᠳᠦᠷᠢᠮ︾ ᠵᠡᠷᠭᠡ 40 ᠭᠠᠷᠥᠢ ᠳᠦᠷᠢᠮ ᠢ ᠲᠤᠭᠳᠠᠭᠠᠵᠤ᠂ ᠤᠯᠠᠨ ᠨᠡᠶᠢᠳᠡ ᠢᠶᠠᠷ ᠪᠠᠨ ᠣᠷᠣᠯᠴᠠᠬᠤ᠂ ᠲᠤᠰᠬᠠᠢ ᠮᠡᠷᠬᠡᠵᠢᠯᠳᠡᠨ ᠠᠴᠠ ᠨᠣᠳᠠᠯᠠᠬᠤ᠂ ᠠᠶᠤᠯ ᠲᠦᠭᠰᠢᠬᠦᠷᠢ ᠳᠤ ᠦᠨᠡᠯᠡᠯᠳᠡ ᠬᠢᠬᠦ᠂ ᠠᠷᠢᠭᠤᠨ ᠴᠢᠭᠡᠴᠢ ᠶᠢᠨ ᠪᠠᠶᠢᠴᠠᠭᠠᠯᠳᠠ ᠬᠢᠬᠦ ᠪᠠ ᠬᠠᠮᠳᠤᠪᠡᠷ ᠰᠢᠢᠳᠪᠦᠷᠢ ᠲᠤᠭᠳᠠᠭᠠᠬᠤ ᠵᠡᠷᠭᠡ ᠶᠢ ᠬᠠᠷᠢᠯᠴᠠᠨ ᠤᠶᠠᠯᠳᠤᠭᠤᠯᠤᠭᠰᠠᠨ ᠵᠠᠰᠠᠭ ᠵᠠᠬᠢᠷᠭᠠᠨ ᠤ ᠵᠤᠬᠢᠴᠠᠮᠵᠢ ᠶᠢ ᠠᠯᠭᠤᠷ ᠲᠡᠭᠦᠯᠳᠡᠷᠵᠢᠭᠦᠯᠪᠡ᠃ ᠠᠷᠠᠳ ᠤᠨ ᠲᠦᠯᠦᠬᠡᠯᠡᠭᠴᠢᠳ ᠪᠠ ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠰᠠᠨᠠᠯ ᠳᠤᠷᠠᠳᠤᠯᠭ᠎ᠠ ᠳᠤ ᠬᠠᠷᠢᠭᠤᠯᠳᠠ ᠦᠭᠬᠦ ᠠᠵᠢᠯ ᠢ ᠰᠠᠶᠢᠳᠤᠷ ᠬᠢᠵᠦ᠂ ᠨᠠᠶᠢᠳᠡ 674 ᠬᠤᠪᠢ ᠠᠷᠠᠳ ᠤᠨ ᠲᠦᠯᠦᠬᠡᠯᠡᠭᠴᠢᠳ ᠤᠨ ᠰᠠᠨᠠᠯ ᠪᠠ 228 ᠬᠤᠪᠢ ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠳᠤᠷᠠᠳᠤᠯᠭ᠎ᠠ ᠳᠤ ᠬᠠᠷᠢᠭᠤᠯᠳᠠ ᠦᠭᠴᠦ᠂ ᠬᠠᠷᠢᠭᠤᠯᠳᠠ ᠦᠭᠭᠦᠭᠰᠡᠨ ᠨᠤᠷᠮ᠎ᠠ 100%᠎ ᠳᠤ ᠬᠦᠷᠴᠦ᠂ ᠬᠠᠨᠤᠮᠵᠢᠳᠤ ᠨᠤᠷᠮ᠎ᠠ 95%᠎ ᠠᠴᠠ ᠳᠡᠭᠡᠭᠰᠢ ᠳᠤ ᠬᠦᠷᠪᠡ᠃ ᠵᠠᠰᠠᠭ ᠵᠠᠬᠢᠷᠭᠠᠨ ᠤ ᠦᠢᠯᠡᠴᠢᠯᠡᠬᠡᠨ ᠤ ᠴᠢᠳᠠᠪᠬᠢ ᠶᠢ ᠠᠯᠬᠤᠮ ᠠᠯᠬᠤᠮ ᠢᠶᠠᠷ ᠳᠡᠭᠡᠭᠰᠢᠯᠡᠬᠦᠯᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠠ ᠶᠢ ᠲᠦᠯᠬᠢᠨ ᠠᠬᠢᠭᠤᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠦᠢᠯ ᠢ 160᠎ ᠠᠴᠠ ᠰᠢᠯᠢᠳᠡᠭᠵᠢᠬᠦᠯᠦᠨ ᠴᠤᠮᠬᠠᠳᠬᠠᠭᠠᠳ 117 ᠲᠦᠷᠦᠯ ᠵᠦᠢᠯ ᠪᠤᠯᠭᠠᠵᠥ᠂ ᠰᠢᠯᠢᠳᠡᠭᠵᠢᠬᠦᠯᠦᠨ ᠴᠤᠮᠬᠠᠳᠬᠠᠭᠰᠠᠨ ᠨᠤᠷᠮ᠎ᠠ 26.8%᠎ ᠳᠤ ᠭᠦᠷᠪᠡ᠃ ᠡᠵᠡᠩᠨᠡᠯᠳᠡ ᠎ ᠶᠢᠨ ᠦᠨᠡᠮᠯᠡᠯ ᠢ ᠤᠷᠢᠳᠠᠪᠡᠷ ᠤᠯᠭᠤᠵᠤ᠂ ᠵᠦᠪᠰᠢᠶᠡᠷᠡᠯ ᠤᠨ ᠦᠨᠡᠮᠯᠡᠯ ᠢ ᠳᠠᠷᠠᠭ᠎ᠠ ᠨᠢ ᠬᠦᠢᠴᠡᠳᠬᠡᠬᠦ᠂ ᠪᠠᠶᠢᠭᠤᠯᠭ᠎ᠠ ᠨᠢᠭᠡᠴᠡ ᠬᠠᠮᠳᠣᠷᠠᠨ ᠬᠢᠨᠠᠬᠤ ᠪᠠ ︽ᠭᠤᠷᠪᠠᠨ ᠦᠨᠡᠮᠯᠡᠯ ᠢ ᠨᠢᠬᠡᠤᠡᠬᠡᠬᠦ︾ ᠲᠦᠷᠢᠮ ᠤᠨ ᠦᠬᠡᠷᠡᠴᠢᠯᠡᠯᠳᠠ ᠶᠢ ᠢᠳᠡᠪᠬᠢᠳᠠᠢ ᠦᠷᠨᠢᠬᠦᠯᠵᠦ᠂ ᠬᠢᠨᠠᠨ ᠵᠦᠪᠰᠢᠶᠡᠷᠡᠬᠦ ᠬᠤᠭᠤᠴᠠᠭ᠎ᠠ ᠶᠢ ᠶᠡᠬᠡᠪᠡᠷ ᠪᠠᠭᠠᠰᠬᠠᠪᠠ᠃ ᠵᠠᠰᠠᠭ ᠵᠠᠬᠢᠷᠭᠠᠨ ᠤ ᠡᠷᠭᠡ ᠶᠢ ᠲᠡᠩᠰᠠᠯᠠᠨ ᠪᠦᠷᠢᠳᠭᠡᠬᠦ ᠠᠵᠢᠯ ᠢ ᠪᠦᠬᠦ ᠲᠠᠯ᠎ᠡ ᠪᠠᠷ ᠢᠯᠨ ᠨᠡᠶᠢᠳᠡᠯᠡᠵᠤ᠂ ᠵᠠᠰᠠᠭ ᠤᠨ ᠤᠷᠳᠤᠨ ᠤ 31 ᠪᠠᠶᠢᠭᠤᠯᠭ᠎ᠠ ᠶᠢᠨ ᠡᠷᠬᠡ ᠶᠢ ᠲᠠᠩᠰᠠᠯᠠᠨ ᠪᠦᠷᠢᠳᠭᠡᠵᠤ ᠨᠡᠶᠢᠭᠡᠮ ᠳᠤ ᠢᠯᠡ ᠪᠠᠷ ᠨᠠᠶᠢᠳᠡᠯᠡᠪᠡ᠃ ᠬᠤᠰᠢᠭᠤ ᠲᠠᠷᠤᠭ᠎ᠠ ᠎ ᠶᠢᠨ ᠬᠠᠷᠢᠯᠴᠠᠬᠤ ᠤᠳᠠᠰᠤ᠂ ᠣᠳᠣᠷᠢᠳᠣᠯᠭ᠎ᠠ ᠶᠢᠨ ᠵᠠᠬᠢᠳᠠᠯ ᠤᠨ ᠬᠠᠶᠢᠷᠴᠠᠭ ᠵᠡᠷᠭᠡ ᠲᠠᠪᠴᠠᠩ ᠢᠶᠠᠷ ᠲᠠᠮᠵᠢᠨ᠂ ᠠᠷᠠᠳ ᠤᠯᠠᠨ ᠤ ᠡᠯ᠎ᠠ ᠵᠦᠢᠯ ᠤᠨ ᠭᠦᠰᠡᠯ ᠱᠠᠭᠠᠷᠳᠠᠯᠭ᠎ᠠ ᠶᠢ 150 ᠬᠤᠪᠢ ᠠᠴᠠ ᠲᠡᠭᠡᠭᠰᠢ ᠲᠦᠪᠯᠡᠷᠡᠭᠦᠯᠦᠨ ᠰᠢᠢᠳᠪᠤᠷᠢᠯᠡᠵᠦ᠂ ᠰᠢᠢᠳᠪᠤᠷᠢᠯᠡᠭᠰᠡᠨ ᠨᠤᠷᠮ᠎ᠠ 97%᠎ ᠠᠴᠠ ᠲᠡᠭᠡᠭᠰᠢ ᠳᠤ ᠬᠦᠷᠪᠡ᠃ ᠨᠡᠶᠢᠭᠡᠮ ᠢ ᠵᠠᠰᠠᠬᠤ ᠬᠡᠯᠪᠡᠷᠢ ᠲᠠᠰᠤᠷᠠᠯᠳᠠ ᠦᠬᠡᠢ ᠰᠢᠨ᠎ᠡ ᠶᠢ ᠡᠬᠦᠳᠪᠡ᠃ ︽ᠠᠮᠤᠭᠤᠯᠠᠩ ᠰᠦᠨᠢᠳ︾᠂ ︽ᠬᠠᠤᠯᠢᠵᠢᠭᠰᠠᠨ ᠰᠦᠨᠢᠳ︾᠎ ᠢ ᠪᠦᠳᠦᠭᠡᠨ ᠪᠠᠶᠢᠭᠤᠯᠬᠤ ᠪᠠᠷ ᠭᠤᠣᠯᠳᠠᠯᠭ᠎ᠠ ᠪᠤᠯᠭᠠᠨ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ︽151︾ ᠵᠦᠷᠢᠴᠡᠯ ᠵᠢᠭᠤᠷᠠᠯᠳᠣᠭᠠᠨ ᠢ ᠡᠶᠡᠳᠡᠬᠦᠯᠦᠨ ᠵᠤᠬᠢᠴᠠᠭᠤᠯᠬᠤ ᠬᠡᠯᠪᠡᠷᠢ᠂ ︽ᠲᠦᠷᠪᠡᠨ ᠰᠠᠯᠪᠤᠷᠢ ᠬᠤᠯᠪᠤᠭᠠᠯᠠᠨ ᠡᠶᠡᠳᠡᠬᠦᠯᠬᠦ︾ ᠪᠠᠶᠢᠭᠤᠯᠤᠮᠵᠢ ᠪᠤᠯᠤᠨ ︽ᠵᠢᠷᠭᠤᠭᠠᠨ ᠠᠯᠬᠤᠮ ᠤᠨ ᠠᠵᠢᠯ ᠤᠨ ᠳᠦᠷᠢᠮ︾ ᠵᠡᠷᠭᠡ ᠬᠡᠯᠪᠡᠷᠢ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠦᠨᠡᠯᠡᠯᠳᠡ ᠶᠢ ᠤᠯᠵᠠᠢ᠃ ︽1328︾ ᠵᠠᠬᠢᠳᠠᠯ ᠰᠤᠷᠪᠤᠯᠵᠢᠯᠠᠭ᠎ᠠ ᠶᠢᠨ ᠬᠦᠯᠢᠶᠡᠨ ᠠᠪᠬᠤ ᠡᠳᠦᠷ᠂ ᠣᠳᠣᠷᠢᠳᠣᠯᠭ᠎ᠠ ᠤᠨ ᠬᠡᠷᠡᠭ ᠶᠠᠪᠤᠳᠠᠯ ᠢ ᠲᠠᠭᠠᠭᠠᠴᠢᠯᠠᠨ ᠱᠠᠯᠠᠪᠳᠠᠭᠤᠯᠤᠨ ᠰᠢᠢᠳᠪᠤᠷᠢᠯᠡᠬᠦ ᠪᠠ ᠲᠦᠷᠪᠡᠨ ᠶᠡᠭᠡ ᠣᠳᠣᠷᠢᠳᠬᠤ ᠪᠠᠭ ᠬᠤᠯᠪᠤᠭᠠᠯᠠᠨ ᠬᠦᠯᠢᠶᠡᠨ ᠠᠪᠬᠤ ᠲᠦᠷᠢᠮ ᠵᠡᠷᠭᠡ ᠶᠢ ᠬᠦᠨᠵᠡᠬᠡᠢ ᠲᠣᠣᠱᠯᠠᠭᠤᠯᠵᠦ᠂ ᠪᠦᠬᠦ ᠬᠤᠰᠢᠭᠤᠨ ᠤ ᠨᠡᠶᠢᠭᠡᠮ ᠤᠨ ᠵᠦᠷᠢᠴᠡᠯ ᠵᠢᠭᠤᠷᠠᠯᠳᠣᠭᠠᠨ ᠢ ᠡᠶᠡᠳᠡᠬᠦᠯᠦᠨ ᠵᠤᠬᠢᠴᠠᠭᠤᠯᠤᠭᠰᠠᠨ ᠨᠤᠷᠮ᠎ᠠ ᠪᠠ ᠰᠢᠢᠳᠪᠦᠷᠢᠯᠡᠭᠰᠡᠨ ᠨᠤᠷᠮ᠎ᠠ ᠨᠢ ᠴᠦᠮ 97% ᠎ ᠠᠴᠠ ᠲᠡᠭᠡᠭᠰᠢ ᠳᠤ ᠬᠦᠷᠴᠦ᠂ ︽ᠠᠮᠤᠭᠤᠯᠠᠩ ᠰᠤᠮᠦ ᠪᠠᠯᠭᠠᠰᠤ︾᠂ ︽ᠠᠮᠤᠭᠤᠯᠠᠩ ᠭᠠᠴᠠᠭ᠎ᠠ︾᠎ ᠶᠢ ᠴᠤᠭᠴᠠᠯᠠᠨ ᠪᠠᠶᠢᠭᠤᠯᠤᠭᠰᠠᠨ ᠨᠤᠷᠮ᠎ᠠ ᠨᠢ 100%᠎ ᠳᠤ ᠭᠦᠷᠪᠡ᠃ ᠭᠤᠤᠯᠳᠠᠯᠭ᠎ᠠ ᠲᠠᠢ ᠭᠦᠷᠢᠶ᠎ᠡ ᠬᠡᠪᠴᠢᠶᠡᠨ ᠤ ᠦᠬᠡᠷᠡᠴᠢᠯᠡᠯᠳᠠ ᠶᠢ ᠭᠦᠨᠵᠡᠭᠡᠶᠢᠷᠡᠭᠦᠯᠪᠡ᠃ 108 ᠲᠦᠷᠦᠯ ᠤᠨ ᠦᠬᠡᠷᠡᠴᠢᠯᠡᠯᠳᠠ ᠶᠢᠨ ᠲᠦᠷᠦᠯ ᠵᠦᠢᠯ ᠢ ᠬᠡᠷᠡᠭᠵᠢᠬᠦᠯᠵᠦ᠂ 221 ᠵᠦᠢᠯ ᠨᠢ ᠦᠷ᠎ᠡ ᠪᠦᠳᠦᠮᠵᠢ ᠣᠯᠪᠠ᠃ ᠦᠯᠦ ᠬᠦᠳᠡᠯᠬᠦ ᠬᠦᠷᠦᠩᠭᠡ ᠶᠢ ᠳᠠᠩᠰᠠᠯᠠᠵᠤ ᠳᠡᠮᠳᠡᠭᠯᠡᠬᠦ ᠳᠤᠪᠴᠢᠶ᠎ᠠ ᠶᠢ ᠪᠠᠶᠢᠭᠤᠯᠵᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠳᠡ ᠶᠢ ᠲᠣᠭᠳᠠᠭᠤᠨ ᠢᠶᠠᠷ ᠭᠡᠷᠡᠭᠵᠢᠭᠦᠯᠵᠦ᠂ ᠡᠷᠡᠬᠦᠯ ᠬᠠᠮᠠᠭᠠᠯᠠᠯ᠂ ᠳᠦᠯᠦᠪᠯᠡᠯᠭᠡᠲᠦ ᠦᠷᠡᠵᠢᠯ ᠤᠨ ᠪᠠᠶᠢᠭᠤᠯᠣᠮᠵᠢ ᠶᠢ ᠨᠢᠭᠡᠳᠬᠡᠵᠦ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠠ ᠶᠢ ᠶᠠᠪᠤᠭᠳᠠᠭᠤᠯᠪᠠ᠃ ᠦᠢᠯᠡᠳᠪᠤᠷᠢ ᠬᠤᠳᠠᠯᠳᠤᠭ᠎ᠠ᠂ ᠶᠠᠰᠤ ᠴᠢᠨᠠᠷ ᠤᠨ ᠬᠢᠨᠠᠨ ᠪᠠᠶᠢᠴᠠᠭᠠᠯᠳᠠ᠂ ᠢᠳᠡᠭᠡᠨ ᠡᠮ ᠤᠨ ᠵᠦᠢᠯᠡᠰ ᠤᠨ ᠬᠠᠮᠢᠶᠠᠷᠤᠯᠳᠠ ᠶᠢᠨ ᠪᠠᠶᠢᠭᠤᠯᠭ᠎ᠠ ᠶᠢ ᠨᠢᠭᠡᠳᠬᠡᠨ᠂ ᠢᠳᠡᠭᠡᠨ ᠡᠮ ᠤᠨ ᠵᠦᠢᠯᠡᠰ ᠪᠠ ᠦᠢᠯᠡᠳᠪᠤᠷᠢ ᠬᠤᠳᠠᠯᠳᠤᠭ᠎ᠠ ᠶᠠᠰᠤ ᠴᠢᠨᠠᠷ ᠢ ᠬᠢᠨᠠᠨ ᠪᠠᠶᠢᠴᠠᠭᠠᠬᠤ ᠲᠤᠪᠴᠢᠶ᠎ᠠ ᠶᠢ ᠪᠠᠶᠢᠭᠤᠯᠵᠦ᠂ ᠦᠢᠯᠡᠳᠪᠦᠷᠢ ᠬᠤᠳᠠᠯᠳᠣᠭᠠᠨ ᠤ ᠦᠢᠯᠡᠰ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠪᠠ᠃ ᠠᠯᠪᠠᠨ ᠬᠡᠷ᠂ ᠠᠯᠪᠠᠨ ᠲᠡᠷᠭᠡ ᠶᠢ ᠴᠡᠭᠴᠡᠯᠡᠨ ᠲᠦᠷᠢᠮᠵᠢᠭᠦᠯᠬᠦ ᠠᠵᠢᠯ ᠎ ᠢ ᠲᠠᠭᠤᠰᠬᠠᠵᠦ᠂ ︽ᠭᠤᠷᠪᠠᠨ ᠠᠯᠪᠠᠨ︾᠎ ᠤ ᠵᠠᠷᠤᠳᠠᠯ ᠢ 2010 ᠤᠨ ᠤ ᠬᠢ ᠠᠴᠠ 28%᠎ ᠪᠠᠷ ᠪᠠᠭᠠᠰᠬᠠᠪᠠ᠃ ᠵᠠᠰᠠᠭ ᠤᠨ ᠤᠷᠳᠤᠨ ᠤ ᠠᠷᠢᠭᠤᠨ ᠴᠢᠭᠡᠴᠢ ᠶᠢᠨ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠪᠠ ᠃ ᠲᠦᠪ ᠴᠢᠩᠭ᠎ᠠ ᠪᠠᠷ ᠨᠠᠮ ᠢ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ᠨᠠᠮ ᠤᠨ ᠤᠯᠤᠰ ᠲᠦᠷᠦ ᠶᠢᠨ ᠶᠤᠰᠤ ᠲᠦᠷᠢᠮ ᠪᠠ ᠰᠠᠬᠢᠯᠭ᠎ᠠ ᠪᠠᠳᠤ ᠶᠢ ᠴᠢᠩᠭ᠎ᠠ ᠰᠠᠬᠢᠵᠦ᠂ ᠲᠦᠪ ᠤᠨ ︽ᠨᠠᠢᠮᠠᠨ ᠵᠣᠷᠪᠣᠰ ᠲᠤᠭᠳᠠᠭᠠᠯ︾ ᠪᠠ ᠦᠪᠡᠷᠳᠡᠭᠡᠨ ᠵᠠᠰᠠᠬᠤ ᠤᠷᠤᠨ ᠤ 28 ᠵᠣᠷᠪᠣᠰ ᠲᠤᠭᠳᠠᠭᠠᠯ ᠢ ᠴᠢᠩᠭ᠎ᠠ ᠬᠡᠷᠡᠭᠵᠢᠬᠦᠯᠵᠦ᠂ ᠤᠯᠠᠨ ᠲᠦᠮᠡᠨᠴᠢ ᠱᠤᠭᠤᠮ ᠤᠨ ᠬᠦᠮᠦᠵᠢᠯ ᠤᠨ ᠦᠢᠯᠡᠳᠦᠯᠬᠡ ᠶᠢᠨ ᠬᠦᠳᠡᠯᠭᠡᠭᠡᠨ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠤᠪᠳᠦ ᠬᠦᠮᠦᠵᠢᠯ ᠢ ᠬᠦᠨᠵᠡᠬᠡᠢ ᠦᠷᠨᠢᠬᠦᠯᠵᠦ᠂ ᠬᠡᠪ ᠰᠤᠷᠳᠠᠯ ᠢ ᠳᠦᠪ ᠪᠤᠯᠭᠠᠵᠤ᠂ ᠰᠠᠬᠢᠯᠭ᠎ᠠ ᠪᠠᠳᠦ ᠶᠢ ᠴᠢᠩᠭᠠᠳᠬᠠᠵᠦ᠂ ᠨᠠᠷᠢᠨ ᠲᠦᠷᠢᠮ ᠲᠣᠭᠳᠠᠭᠠᠵᠦ᠂ ᠨᠠᠶᠢᠳᠠᠪᠦᠷᠢᠵᠢᠭᠤᠯᠣᠯᠳᠠ ᠶᠢ ᠴᠢᠩᠭ᠎ᠠ ᠠᠳᠬᠤᠵᠦ᠂ ᠵᠠᠰᠠᠭ ᠵᠠᠬᠢᠷᠭᠠᠨ ᠤ ᠬᠡᠪ ᠰᠣᠷᠳᠠᠯ ᠢ ᠢᠯᠡᠳᠳᠡ ᠰᠠᠶᠢᠵᠢᠷᠠᠭᠤᠯᠪᠠ᠃ ᠨᠠᠮ ᠤᠨ ᠬᠡᠪ ᠰᠤᠷᠳᠠᠯ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠬᠠᠷᠢᠭᠤᠴᠠᠯᠭ᠎ᠠ ᠶᠢᠨ ᠲᠦᠷᠢᠮ ᠤᠨ ᠪᠦᠳᠦᠭᠡᠨ ᠪᠠᠶᠢᠭᠤᠯᠤᠯᠳᠠ ᠪᠠ ᠤᠳᠤᠷᠢᠤᠠᠬᠤ ᠺᠠᠳ᠋ᠷ ᠤᠨ ︽ᠨᠢᠬᠡ ᠠᠵᠢᠯ ᠤᠨ ᠪᠠᠶᠢᠷᠢᠨ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠂ ︽ᠭᠤᠷᠪᠠᠨ ᠴᠢᠬᠤᠯᠠ ᠨᠢᠬᠡ ᠶᠡᠭᠡ︾ ᠵᠡᠷᠭᠡ ᠲᠦᠷᠢᠮ ᠲᠣᠭᠳᠠᠭᠠᠯ ᠢ ᠴᠢᠩᠭ᠎ᠠ ᠲᠤᠤᠱᠯᠠᠭᠤᠯᠵᠦ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠬᠦᠴᠦᠯᠡᠴᠠ ᠪᠠᠨ ᠴᠢᠩᠭᠠᠳᠬᠠᠵᠦ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠦ᠂ ᠵᠠᠰᠠᠭ ᠤᠨ ᠣᠷᠳᠣᠨ ᠤ ᠠᠷᠢᠭᠤᠨ ᠴᠢᠭᠡᠴᠢ ᠲᠦᠷᠢ ᠲᠦᠷᠬᠦ ᠶᠢ ᠡᠭᠦᠷᠢᠳᠡ ᠪᠠᠳᠣᠯᠠᠪᠠ᠃     ᠲᠦᠯᠦᠭᠡᠯᠡᠭᠴᠢᠳ ᠨᠦᠬᠦᠤᠨ ᠡ᠂ ︽ᠠᠷᠪᠠᠨ ᠬᠤᠶᠠᠳᠤᠭᠠᠷ ᠲᠠᠪᠤᠨ ᠵᠢᠯ︾᠎ ᠢ ᠡᠷᠬᠢᠴᠡᠬᠦᠯᠦᠨ ᠦᠵᠡᠪᠡᠯ᠂ ︽ᠠᠷᠪᠠᠨ ᠬᠤᠶᠠᠳᠤᠭᠠᠷ ᠳᠠᠪᠤᠨ ᠵᠢᠯ︾᠎ ᠤᠨ ᠬᠤᠭᠤᠴᠠᠭᠠᠨ ᠳᠤ ᠮᠠᠨ ᠤ ᠬᠤᠰᠢᠭᠤᠨ ᠤ ᠶᠡᠷᠦᠩᠬᠡᠶᠢᠯᠡᠭᠰᠡᠨ ᠪᠤᠳᠠᠳᠤ ᠬᠦᠴᠦᠨ ᠳᠦᠷᠬᠡᠨ ᠢᠶᠠᠷ ᠬᠦᠭᠵᠢᠵᠦ᠂ ᠬᠤᠳᠠ ᠪᠠᠯᠭᠠᠰᠤᠨ ᠤ ᠳᠦᠷᠢ ᠲᠦᠷᠬᠦ ᠶᠡᠭᠡ ᠪᠠᠷ ᠬᠤᠪᠢᠷᠠᠯᠳᠠ ᠭᠠᠷᠴᠦ᠂ ᠠᠷᠠᠳ ᠳᠦᠮᠡᠨ ᠠᠰᠢᠭ ᠳᠤᠰᠠ ᠬᠠᠮᠤᠭ ᠠᠷᠪᠢᠨ ᠬᠦᠷᠳᠡᠭᠰᠡᠨ ᠳᠠᠪᠤᠨ ᠵᠢᠯ ᠪᠤᠯᠬᠤ ᠶᠤᠮ᠃ ᠤᠨᠴᠠᠭᠠᠶᠢᠯᠠᠨ ᠪᠢᠳᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠢᠬᠡᠳᠦᠯᠳᠡᠢ ᠪᠠᠶᠢᠷᠢᠯᠠᠭᠤᠯᠤᠯᠳᠠ ᠳᠤᠤᠷ᠎ᠠ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠪᠠ ᠮᠠᠯᠵᠢᠬᠤ ᠤᠷᠤᠨ ᠤ ᠴᠢᠨᠡᠬᠡᠯᠢᠭ ᠨᠡᠶᠢᠬᠡᠮ ᠢ ᠴᠤᠭᠴᠠᠯᠠᠨ ᠪᠠᠶᠢᠭᠤᠯᠬᠤ ᠢᠨᠵᠧᠨᠧᠷᠢᠩ ᠢ ᠪᠦᠬᠦ ᠬᠦᠴᠦ ᠪᠠᠷ ᠢᠶᠠᠨ ᠬᠦᠨᠵᠡᠬᠡᠢ ᠳᠦᠯᠬᠢᠨ ᠠᠬᠢᠭᠤᠯᠵᠤ᠂ ᠳᠤᠪᠤᠶᠢᠮ᠎ᠠ ᠠᠮᠵᠢᠯᠳᠠ ᠤᠯᠤᠨ᠂ ᠦᠷᠬᠡᠨ ᠤᠯᠠᠨ ᠬᠤᠳᠠ ᠬᠦᠳᠡᠭᠡ ᠶᠢᠨ ᠠᠷᠠᠳ ᠳᠦᠮᠡᠨ ᠤ ᠬᠦᠷᠢᠶᠡᠯᠡᠯ ᠪᠠ ᠳᠡᠮᠵᠢᠯᠬᠡ ᠶᠢ ᠤᠯᠤᠭᠰᠠᠨ ᠪᠠᠶᠢᠨ᠎ᠠ᠃ ᠡᠳᠡᠭᠡᠷ ᠠᠷᠠᠳ ᠲᠤ ᠠᠰᠢᠭ ᠬᠦᠷᠳᠡᠬᠦ ᠢᠨᠵᠧᠨᠧᠷᠢᠩ ᠢ ᠬᠦᠨᠵᠡᠬᠡᠢ ᠬᠡᠷᠡᠭᠵᠢᠬᠦᠯᠦᠭᠰᠡᠨ ᠠᠴᠠ ᠮᠠᠯᠵᠢᠬᠤ ᠤᠷᠤᠨ ᠤ ᠳᠦᠷᠢ ᠲᠦᠷᠬᠦ ᠢᠯᠡᠳᠳᠠ ᠬᠤᠪᠢᠷᠠᠯᠳᠠ ᠭᠠᠷᠴᠦ᠂ ᠮᠠᠯᠴᠢᠨ ᠳᠦᠮᠡᠨ ᠤ ᠠᠮᠢᠳᠤᠷᠠᠯ᠂ ᠴᠤᠭ ᠵᠢᠪᠬᠤᠭ᠎ᠠ ᠳᠦᠷᠢ ᠳᠦᠷᠬᠦ ᠮᠡᠳᠡᠭᠳᠡᠮ᠎ᠡ ᠰᠠᠶᠢᠵᠢᠷᠠᠵᠤ᠂ ᠬᠤᠳᠠ ᠬᠦᠳᠡᠭᠡ ᠶᠢᠨ ᠵᠦᠷᠢᠶ᠎ᠠ ᠤᠯᠠᠮ ᠨᠢᠬᠡ ᠠᠯᠬᠤᠮ ᠪᠠᠭᠠᠰᠤᠭᠰᠠᠨ ᠪᠠᠶᠢᠨ᠎ᠠ᠃ ᠨᠡᠩ ᠴᠢᠬᠤᠯᠠ ᠨᠢ ᠪᠦᠬᠦ ᠺᠠᠳ᠋ᠷ ᠠᠵᠢᠯᠳᠠᠨ ᠨᠢ ᠳᠠᠪᠳᠠᠨ ᠪᠤᠯᠪᠠᠰᠤᠷᠠᠭᠳᠠᠵᠤ᠂ ᠨᠠᠮ ᠤᠨ ᠬᠡᠰᠢᠬᠦᠨ᠂ ᠺᠠᠳ᠋ᠷ ᠠᠵᠢᠯᠳᠠᠨ ᠤ ᠬᠠᠷᠢᠴᠠᠭ᠎ᠠ ᠨᠡᠩ ᠢᠯᠡᠬᠦᠦ ᠨᠢᠭᠳᠠᠷᠠᠨ ᠬᠠᠮᠳᠤᠷᠠᠪᠠ᠃ ᠳᠠᠪᠤᠨ ᠵᠢᠯ ᠤᠨ ᠠᠵᠢᠯ ᠤᠨ ᠠᠮᠵᠢᠯᠳᠠ ᠪᠠᠨ ᠡᠷᠬᠢᠴᠡᠬᠦᠯᠪᠡᠯ᠂ ᠪᠢᠳᠡ ᠰᠡᠳᠬᠢᠯ ᠳᠡᠨᠢᠬᠦᠨ ᠢᠳᠡᠬᠡᠯ ᠳᠡᠬᠦᠯᠳᠡᠷ᠃ ᠡᠳᠡᠭᠡᠷ ᠠᠮᠵᠢᠯᠳᠠ ᠢ ᠤᠯᠤᠭᠰᠠᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠶᠢᠨ ᠦᠷ᠎ᠠ ᠪᠦᠳᠦᠮᠵᠢ ᠪᠤᠯᠬᠤ ᠶᠤᠮ᠂ ᠮᠦᠨᠴᠦ ᠬᠤᠰᠢᠭᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠬᠢᠨᠠᠨ ᠲᠡᠮᠵᠢᠭᠰᠡᠨ ᠤ ᠦᠷ᠎ᠠ ᠳ᠋ᠦᠩ ᠮᠦᠨ᠂ ᠨᠡᠩ ᠴᠦ ᠪᠦᠬᠦ ᠬᠤᠰᠢᠭᠤᠨ ᠤ ᠡᠯ᠎ᠠ ᠦᠨᠳᠤᠰᠤᠳᠠᠨ ᠎ ᠤ ᠠᠷᠠᠳ ᠲᠦᠮᠡᠨ ᠤ ᠰᠡᠳᠬᠢᠯ ᠨᠢᠬᠡᠳᠦᠨ ᠬᠦᠴᠦ ᠪᠠᠨ ᠬᠠᠮᠳᠤᠳᠬᠠᠨ᠂ ᠰᠢᠷᠭᠠᠭᠤ ᠬᠠᠳᠠᠭᠤᠵᠢᠯᠳᠠᠢ ᠳᠡᠮᠡᠴᠡᠭᠰᠡᠨ ᠤ ᠦᠷ᠎ᠠ ᠳ᠋ᠦᠩ ᠪᠤᠯᠬᠤ ᠶᠤᠮ᠃ ᠠᠳᠡ ᠪᠢ ᠬᠤᠰᠢᠭᠤᠨ ᠤ ᠵᠠᠰᠠᠭ ᠤᠨ ᠤᠷᠳᠤᠨ ᠢ ᠲᠦᠯᠦᠬᠡᠯᠡᠵᠦ᠂ ᠬᠠᠶᠢᠷ᠎ᠠ ᠬᠠᠯᠠᠮᠵᠢ᠂ ᠬᠠᠯᠠᠭᠤᠨ ᠳᠡᠮᠵᠢᠯᠬᠡ ᠪᠠᠷ ᠢᠶᠠᠨ ᠵᠡᠬᠦᠨ ᠰᠦᠨᠢᠳ ᠬᠤᠰᠢᠭᠤᠨ ᠤ ᠬᠦᠭᠵᠢᠯᠳᠡ ᠶᠢ ᠳᠡᠳᠬᠦᠨ ᠳᠡᠮᠵᠢᠭᠰᠡᠨ ᠨᠡᠶᠢᠬᠡᠮ ᠤᠨ ᠡᠯ᠎ᠠ ᠡᠳᠡᠭᠡᠳ ᠤᠨ ᠬᠦᠮᠦᠰ ᠲᠤ ᠴᠢᠩ ᠰᠡᠳᠬᠢᠯ ᠤᠨ ᠪᠠᠶᠠᠷ ᠲᠠᠯᠠᠷᠬᠠᠯ ᠪᠠ ᠡᠷᠬᠢᠮ ᠳᠡᠬᠡᠳᠦ ᠬᠦᠨᠳᠦᠳᠬᠡᠯ ᠢᠶᠠᠨ ᠡᠷᠬᠦᠨ ᠳᠡᠪᠰᠢᠬᠦᠯᠦᠶ᠎ᠡ︕     ᠪᠢᠳᠠ ᠠᠮᠵᠢᠯᠳᠠ ᠪᠠᠨ ᠨᠤᠳᠠᠯᠠᠬᠤ ᠶᠢᠨ ᠬᠠᠮᠳᠦ᠂ ᠬᠤᠰᠢᠭᠤᠨ ᠤ ᠪᠠᠨ ᠬᠦᠭᠵᠢᠯᠳᠠ ᠳᠤ ᠬᠦᠷᠦᠯᠴᠡᠬᠦ ᠦᠬᠡᠢ ᠪᠠᠶᠢᠬᠤ ᠦᠨᠳᠤᠰᠤᠨ ᠪᠠᠶᠢᠳᠠᠯ ᠳᠤᠶᠢᠯᠪᠤᠷᠢᠳᠠᠢ ᠦᠭᠡᠷᠡᠴᠢᠯᠡᠭᠳᠡᠭᠡ ᠦᠬᠡᠢ ᠪᠠᠶᠢᠬᠤ ᠪᠠᠨ ᠤᠯᠵᠤ ᠳᠠᠨᠢᠬᠤ ᠬᠡᠷᠡᠭᠳᠡᠢ᠂ ᠬᠦᠭᠵᠢᠯᠳᠠ ᠶᠢᠨ ᠳᠤᠮᠳᠠ ᠪᠠᠰᠠ ᠪᠠᠭ᠎ᠠ ᠪᠤᠰᠤ ᠬᠦᠴᠢᠷᠳᠡᠯ ᠪᠠ ᠠᠰᠠᠭᠤᠳᠠᠯ ᠳᠤᠯᠭᠠᠷᠠᠵᠤ ᠪᠠᠶᠢᠨ᠎ᠠ᠂ ᠭᠤᠤᠯᠳᠠᠭᠤ ᠠᠵᠦ ᠠᠬᠤᠢ ᠶᠢᠨ ᠶᠡᠷᠦᠩᠬᠡᠢ ᠬᠡᠮᠵᠢᠶ᠎ᠠ ᠲᠤᠤᠷ᠎ᠠ᠂ ᠠᠵᠤ ᠦᠢᠯᠡᠳᠪᠤᠷᠢ ᠶᠢᠨ ᠪᠦᠳᠦᠴᠡ ᠳᠤᠬᠢᠷᠠᠮᠵᠢ ᠦᠬᠡᠢ᠂ ᠰᠢᠨ᠎ᠡ ᠬᠡᠪ ᠪᠠᠶᠢᠳᠠᠯ ᠳᠤᠤᠷ᠎ᠠ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠬᠤ ᠡᠭᠦᠷᠬᠡ ᠬᠦᠴᠢᠷ ᠪᠡᠷᠬᠡᠰᠢᠶᠡᠯ ᠲᠠᠢ᠃ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠨᠤᠷᠮ᠎ᠠ ᠳᠤᠤᠷ᠎ᠠ᠂ ᠠᠮᠢ ᠠᠬᠤᠢ ᠶᠢ ᠬᠠᠮᠠᠭᠠᠯᠠᠬᠤ ᠡᠬᠦᠷᠬᠡ ᠬᠦᠨᠳᠦ ᠵᠠᠮ ᠬᠤᠯᠠ ᠪᠠᠶᠢᠵᠤ᠂ ᠠᠷᠠᠳ ᠳᠦᠮᠡᠨ ᠤ ᠬᠦᠰᠡᠯ ᠱᠠᠭᠠᠷᠳᠠᠯᠭ᠎ᠠ ᠲᠠᠢ ᠬᠠᠷᠢᠴᠠᠭᠤᠯᠪᠠᠯ ᠨᠡᠯᠢᠶᠡᠳ ᠵᠦᠷᠢᠶ᠎ᠠ ᠲᠠᠢ᠃ ᠬᠤᠳᠠ ᠪᠠᠯᠭᠠᠰᠤᠨ ᠤ ᠬᠠᠮᠢᠶᠠᠷᠤᠯᠳᠠ᠂ ᠨᠡᠶᠢᠭᠡᠮ ᠤᠨ ᠪᠠᠳᠤᠯᠠᠭ᠎ᠠ ᠪᠠ ᠦᠢᠯᠡᠴᠢᠯᠡᠬᠡᠨ ᠤ ᠬᠢᠷᠢ ᠳᠦᠪᠰᠢᠨ ᠢ ᠳᠡᠭᠡᠭᠰᠢᠯᠡᠬᠦᠯᠬᠦ ᠴᠢᠬᠤᠯᠠᠳᠠᠢ᠂ ᠤᠯᠠᠨ ᠳᠦᠮᠡᠨ ᠤ ᠬᠤᠪᠢ ᠪᠠᠶ᠎ᠠ ᠶᠢᠨ ᠠᠰᠢᠭ ᠳᠤᠰᠠ ᠲᠠᠢ ᠬᠤᠯᠪᠤᠭᠳᠠᠵᠤ ᠪᠠᠶᠢᠭ᠎ᠠ ᠬᠠᠯᠠᠮᠰᠢᠯ ᠬᠦᠴᠢᠷᠳᠡᠯ ᠪᠤᠯᠤᠭᠰᠠᠨ ᠠᠰᠠᠭᠤᠳᠠᠯ ᠤᠳ ᠬᠠᠷᠠᠬᠠᠨ ᠳᠤᠶᠢᠯᠪᠤᠷᠢᠳᠠᠢ ᠰᠢᠢᠳᠪᠤᠷᠢᠯᠡᠭᠳᠠᠬᠡᠳᠦᠢ ᠪᠠᠶᠢᠭᠰᠠᠭᠠᠷ ᠂ ᠵᠠᠰᠠᠭ ᠵᠠᠬᠢᠷᠭᠠᠨ ᠤ ᠡᠬᠦᠷᠬᠡ ᠴᠢᠳᠠᠪᠬᠢ ᠪᠠᠨ ᠬᠤᠪᠢᠷᠠᠭᠤᠯᠬᠤ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠬᠦᠯᠬᠦ ᠴᠢᠬᠤᠯᠠᠳᠠᠢ ᠵᠡᠷᠬᠡ ᠤᠯᠠᠨ ᠠᠰᠠᠭᠤᠳᠠᠯ ᠤᠷᠤᠰᠢᠵᠤ ᠪᠤᠢ᠂ ᠪᠢᠳᠡ ᠡᠷᠬᠡᠪᠰᠢ ᠳᠡᠬᠡᠳᠦ ᠬᠡᠮᠵᠢᠶ᠎ᠡ ᠎ ᠪᠠᠷ ᠬᠦᠨᠳᠦᠳᠬᠡᠨ ᠦᠵᠡᠵᠦ᠂ ᠵᠠᠶᠢᠯᠠᠰᠬᠢᠬᠦ ᠦᠬᠡᠢ᠂ ᠤᠳᠠᠭᠠᠰᠢᠷᠠᠭᠤᠯᠬᠤ ᠦᠬᠡᠢ ᠪᠠᠶᠢᠵᠤ᠂ ᠨᠠᠷᠢᠨ ᠬᠢᠨᠠᠮᠠᠭᠠᠢ ᠪᠠᠷ ᠰᠢᠢᠳᠪᠤᠷᠢᠯᠡᠬᠦ ᠬᠡᠷᠡᠭᠳᠡᠢ᠃     ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠬᠠᠷᠠᠯᠳᠠ ᠪᠤᠯᠤᠨ ᠭᠤᠤᠯ ᠡᠬᠦᠷᠭᠡ     ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠤᠯ᠂ ᠮᠠᠨ ᠤ ᠬᠤᠰᠢᠭᠤᠨ ᠤ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠠᠵᠤ ᠠᠬᠤᠢ ᠨᠡᠶᠢᠬᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢᠨ ᠵᠠᠩᠬᠢᠯᠭ᠎ᠠ ᠤᠨ ᠬᠤᠭᠤᠴᠠᠭ᠎ᠠ ᠪᠠᠶᠢᠵᠤ᠂ ᠮᠦᠨᠴᠦ ᠳᠠᠪᠠᠭᠤᠯᠢᠭ ᠬᠦᠴᠦ ᠪᠠᠨ ᠲᠦᠪᠯᠡᠷᠡᠭᠦᠯᠦᠨ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠪᠳᠤᠯᠤᠯᠳᠠ ᠶᠢᠨ ᠬᠤᠭᠤᠴᠠᠭ᠎ᠠ ᠪᠤᠯᠤᠨ᠎ᠠ᠃ ᠬᠤᠶᠢᠰᠢᠳᠠ ᠎ ᠶᠢᠨ ᠲᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠥᠩᠬᠡᠢ ᠰᠡᠳᠬᠢᠴᠡ ᠪᠤᠯ᠄ ᠨᠠᠮ ᠤᠨ ᠠᠷᠪᠡᠨ ᠨᠡᠢᠮᠠᠳᠤᠭᠠᠷ ᠶᠡᠭᠡ ᠬᠤᠷᠠᠯ ᠪᠡ ᠠᠷᠪᠡᠨ ᠨᠡᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠤᠬᠡᠷ᠂ ᠲᠠᠪᠤᠳᠤᠭᠠᠷ ᠪᠦᠬᠦᠳᠠ ᠬᠤᠷᠠᠯ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠬᠡᠯᠡᠬᠦ︾ ᠴᠢᠬᠤᠯᠠ ᠦᠵᠡᠯ ᠰᠠᠨᠠᠭ᠎ᠠ ᠪᠠ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠶᠠᠷᠤᠩᠬᠡᠢ ᠱᠦᠵᠢ ᠶᠢᠨ ᠴᠢᠬᠤᠯᠨ ᠰᠢᠷᠢᠰ ᠶᠠᠷᠢᠶ᠎ᠠ ᠪᠠ ᠦᠪᠦᠷ ᠮᠤᠩᠭᠤᠯ ᠢ ᠲᠤᠭᠤᠷᠢᠨ ᠪᠠᠶᠢᠴᠠᠭᠠᠬᠤ ᠳᠤ ᠵᠢᠭᠠᠪᠤᠷᠢᠯᠠᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠳᠦᠷᠪᠡᠳᠦᠬᠡᠷ ᠤᠳᠠᠭᠠᠨ ᠤ ᠪᠦᠬᠦ ᠬᠡᠰᠢᠭᠦᠳ ᠤᠨ ᠬᠤᠷᠠᠯᠳᠤᠭᠠᠨ ᠪᠠ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠰᠢᠨ᠎ᠠ ᠶᠢ ᠡᠬᠦᠤᠨᠬᠦ᠂ ᠵᠤᠬᠢᠴᠠᠭᠤᠯᠬᠤ᠂ ᠪᠤᠬᠢᠷᠳᠤᠯ ᠦᠬᠡᠢ᠂ ᠨᠡᠬᠡᠬᠡᠯᠳᠠ ᠬᠢᠬᠦ᠂ ᠬᠠᠮᠳᠤ ᠪᠠᠷ ᠬᠦᠷᠳᠡᠬᠦ ᠦᠵᠡᠯᠳᠡ ᠶᠢ ᠪᠠᠬᠢᠵᠢᠬᠦᠯᠦᠨ ᠲᠤᠤᠱᠯᠠᠭᠤᠯᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠲᠠᠢ ᠢᠳᠡᠪᠬᠢᠲᠠᠢ ᠵᠤᠬᠢᠴᠠᠯᠳᠤᠵᠤ᠂ ᠲᠣᠭᠳᠠᠭᠤᠨ ᠤ ᠲᠣᠮᠳᠠ ᠤᠷᠤᠭᠰᠢᠯᠠᠬᠤ ᠠᠵᠢᠯ ᠤᠨ ᠶᠡᠷᠦᠩᠬᠢ ᠵᠠᠷᠴᠢᠮ ᠢ ᠪᠠᠷᠢᠮᠳᠠᠯᠠᠨ᠂ ᠠᠵᠤ ᠠᠬᠤᠢ ᠶᠢᠨ ᠪᠦᠲᠦᠬᠡᠨ ᠪᠠᠶᠢᠭᠤᠯᠤᠯᠳᠠ᠂ ᠤᠯᠤᠰ ᠲᠦᠷᠦ ᠶᠢᠨ ᠪᠦᠲᠦᠬᠡᠨ ᠪᠠᠶᠢᠭᠤᠯᠤᠯᠳᠠ᠂ ᠰᠤᠶᠤᠯ ᠤᠨ ᠪᠦᠲᠦᠬᠡᠨ ᠪᠠᠶᠢᠭᠤᠯᠤᠯᠳᠠ᠂ ᠨᠡᠶᠢᠬᠡᠮ ᠤᠨ ᠪᠦᠲᠦᠬᠡᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠦᠲᠦᠬᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠳᠦᠯᠬᠢᠨ ᠠᠬᠢᠭᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠬᠤ ᠠᠬᠢᠴᠠ ᠶᠢᠨ ᠳᠤᠮᠳᠠ ᠪᠦᠬᠦ ᠠᠶᠢᠮᠠᠭ ᠤᠨ ᠲᠡᠷᠢᠬᠦᠨ ᠡᠩᠨᠡᠬᠡᠨ ᠳᠤ ᠤᠷᠤᠬᠤ ᠪᠠᠷ ᠴᠢᠷᠮᠠᠶᠢᠨ᠎ᠠ᠃     ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠬᠦᠭᠵᠢᠯᠳᠠ ᠶᠢᠨ ᠬᠠᠷᠠᠯᠳᠠ ᠪᠠ ᠭᠤᠤᠯ ᠡᠬᠦᠷᠭᠡ ᠪᠤᠯ᠄     ᠠᠵᠤ ᠠᠬᠤᠢ ᠳᠤᠮᠳᠠ ᠦᠨᠳᠦᠷ ᠬᠤᠷᠳᠤᠴᠠ ᠪᠠᠷ ᠨᠡᠮᠡᠭᠳᠡᠬᠦ ᠶᠢ ᠪᠠᠲᠤᠯᠠᠨ᠎ᠠ᠃ ᠭᠤᠤᠯᠳᠠᠯᠭ᠎ᠠ ᠲᠠᠢ ᠲᠦᠷᠦᠯ ᠵᠦᠢᠯ ᠢ ᠠᠳᠬᠤᠨ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢ ᠳᠡᠰ ᠳᠡᠪᠰᠢᠬᠦᠯᠦᠨ ᠲᠦᠯᠬᠢᠨ ᠠᠬᠢᠭᠤᠯᠵᠤ᠂ ᠤᠳᠤᠬᠢᠴᠢᠯᠠᠭᠰᠠᠨ ᠦᠢᠯᠡᠴᠢᠯᠡᠬᠡᠨ ᠤ ᠬᠦᠭᠵᠢᠯᠳᠡ ᠶᠢᠨ ᠴᠢᠨᠠᠷᠵᠢᠯ ᠪᠠ ᠦᠷ᠎ᠡ ᠠᠰᠢᠭ ᠢ ᠳᠡᠭᠡᠭᠰᠢᠯᠡᠬᠦᠯᠵᠦ᠂ ᠡᠨᠧᠷᠬᠢ ᠶᠢᠨ ᠨᠡᠬᠡᠬᠡᠯᠳᠡ᠂ ᠲᠡᠮᠦᠷᠯᠢᠭ ᠰᠤᠩᠭᠤᠨ ᠪᠤᠯᠪᠠᠰᠤᠷᠠᠭᠤᠯᠬᠤ᠂ ᠬᠢᠮᠢ ᠶᠢᠨ ᠦᠢᠯᠡᠳᠪᠦᠷᠢᠯᠡᠯ ᠤᠨ ᠪᠠᠷᠢᠯᠭ᠎ᠠ ᠶᠢᠨ ᠮᠠᠲ᠋ᠧᠷᠢᠶᠠᠯ᠂ ᠮᠠᠯ ᠤᠨ ᠪᠦᠳᠦᠬᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠳᠦᠷᠪᠡᠨ ᠶᠡᠭᠡ ᠲᠤᠯᠭᠠᠭᠤᠷᠢ ᠠᠵᠤ ᠦᠢᠯᠡᠰ ᠢ ᠪᠠᠬᠢᠵᠢᠬᠦᠯᠵᠦ᠂ ᠵᠤᠬᠢᠬᠤ ᠤᠷᠤᠨ ᠲᠤᠭᠤᠷᠢᠭ ᠤᠨ ᠪᠤᠳᠠᠳᠤ ᠦᠷᠢᠰᠦᠯᠳᠦᠬᠡᠨ ᠤ ᠬᠦᠴᠦᠨ ᠲᠠᠢ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠦᠷᠢᠯᠳᠡᠬᠦᠯᠦᠨ᠎ᠡ᠃ 2020 ᠤᠨ ᠪᠤᠯᠬᠤ ᠳᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠤᠩᠬᠡᠢ ᠦᠷᠳᠡᠭ ᠢ 80 ᠳ᠋ᠦᠩᠰᠢᠭᠤᠷ ᠲᠦᠬᠦᠷᠢᠭ ᠳᠤ ᠬᠦᠷᠬᠡᠵᠦ᠂ ᠵᠢᠯ ᠪᠦᠷᠢ 10% ᠎ ᠶᠢᠨ ᠤᠷᠴᠢᠮ ᠢᠶᠠᠷ ᠨᠡᠮᠡᠭᠳᠠᠬᠦᠯᠤᠨ᠎ᠠ᠃ ᠠᠵᠤ ᠠᠬᠤᠢ ᠶᠢᠨ ᠬᠦᠭᠵᠢᠯᠳᠡ ᠶᠢᠨ ᠴᠢᠨᠠᠷᠵᠢᠯ ᠪᠠ ᠠᠰᠢᠭ ᠲᠤᠰᠠ ᠶᠢ ᠢᠯᠠᠳᠳᠠ ᠳᠡᠭᠡᠭᠰᠢᠯᠡᠬᠦᠯᠵᠦ᠂ ᠨᠠᠶᠢᠳᠠ ᠶᠢᠨ ᠡᠳ᠋ ᠶᠢᠨ ᠵᠠᠰᠠᠭ ᠤᠨ ᠲᠦᠰᠤᠪᠯᠡᠭᠰᠡᠨ ᠤᠷᠤᠯᠭ᠎ᠠ ᠶᠢ ᠵᠢᠯ ᠪᠦᠷᠢ 9% ᠎ ᠪᠠᠷ ᠨᠡᠮᠡᠭᠳᠡᠬᠦᠯᠵᠦ᠂ ᠪᠦᠬᠦ ᠨᠠᠶᠢᠬᠡᠮ ᠤᠨ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ ᠵᠢᠯ ᠪᠦᠷᠢ 15.6%᠎ ᠪᠠᠷ ᠨᠡᠮᠡᠭᠳᠡᠬᠦᠯᠤᠨ᠎ᠠ᠃     ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠦᠷᠬᠦᠯᠵᠢᠯᠡᠨ ᠰᠢᠯᠢᠳᠡᠭᠵᠢᠬᠦᠯᠦᠨ᠎ᠡ᠃ ᠬᠦᠮᠦᠨ ᠪᠦᠬᠦᠨ ᠤᠷᠤᠯᠴᠠᠬᠤ᠂ ᠬᠦᠮᠦᠨ ᠪᠦᠬᠦᠨ ᠬᠦᠴᠦᠯᠡᠬᠦ᠂ ᠬᠦᠮᠦᠨ ᠪᠦᠬᠦᠨ ᠬᠦᠷᠳᠡᠬᠦ ᠱᠠᠭᠠᠷᠳᠠᠯᠭ᠎ᠠ ᠶᠤᠰᠤᠭᠠᠷ᠂ ᠬᠤᠷᠢᠭ᠎ᠠ ᠱᠤᠭᠤᠮ ᠶᠢ ᠪᠠᠳᠤ ᠰᠠᠬᠢᠵᠤ᠂ ᠲᠤᠲᠠᠭᠤ ᠪᠠᠨ ᠨᠦᠬᠦᠪᠦᠷᠢᠯᠡᠵᠦ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠎ ᠶᠢ ᠲᠦᠯᠬᠢᠨ ᠠᠬᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠶᠢᠨ ᠢᠨᠵᠢᠨᠧᠷᠢᠩ ᠢ ᠬᠦᠨᠵᠡᠬᠡᠢ ᠳᠦᠯᠬᠢᠨ ᠠᠬᠢᠭᠤᠯᠵᠤ᠂ ᠠᠵᠢᠯ ᠤᠯᠭᠤᠬᠤ ᠪᠤᠯᠤᠨ ᠦᠢᠯᠡᠰ ᠴᠤᠭᠴᠠᠯᠠᠬᠤ ᠶᠢ ᠠᠬᠢᠭᠤᠯᠵᠤ᠂ ᠨᠡᠶᠢᠬᠡᠮ ᠤᠨ ᠪᠠᠲᠤᠯᠠᠭᠠᠨ ᠤ ᠰᠢᠰᠲ᠋ᠧᠮ ᠢ ᠳᠡᠭᠦᠯᠳᠡᠷᠵᠢᠬᠦᠯᠵᠦ᠂ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ ᠶᠢᠨ ᠲᠡᠩᠴᠡᠬᠦᠷᠢᠰᠢᠯᠡᠯᠳᠡ ᠶᠢ ᠲᠦᠯᠬᠢᠨ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠵᠦ᠂ ᠬᠠᠮᠳᠤᠪᠡᠷ ᠪᠠᠶᠢᠭᠤᠯᠵᠤ ᠬᠠᠮᠳᠤᠪᠡᠷ ᠡᠳ᠋ᠯᠡᠬᠦ ᠬᠦᠭᠵᠢᠯᠳᠡ ᠶᠢᠨ ᠳᠤᠮᠳᠠ ᠦᠷᠬᠡᠨ ᠤᠯᠠᠨ ᠠᠷᠠᠳ ᠲᠦᠮᠡᠨ ᠳᠤ ᠨᠡᠩ ᠤᠯᠠᠨ ᠠᠰᠢᠭ ᠲᠤᠰᠠ ᠬᠦᠷᠲᠡᠬᠡᠨ᠎ᠡ᠃ 2020 ᠤᠨ ᠪᠤᠯᠬᠤ ᠳᠤ᠂ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠳᠡᠭᠰᠢᠳᠬᠡᠭᠰᠡᠨ ᠡᠵᠡᠮᠳᠡᠵᠦ ᠪᠤᠯᠬᠤᠶᠢᠴᠠ ᠤᠷᠤᠯᠭ᠎ᠠ ᠶᠢ 48640 ᠲᠦᠭᠦᠷᠢᠭ ᠲᠤ ᠬᠦᠷᠬᠡᠵᠦ᠂ ᠮᠠᠯᠵᠢᠬᠤ ᠤᠷᠤᠨ ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠦᠨ ᠪᠦᠷᠢ ᠎ ᠳᠤ ᠳᠡᠭᠰᠢᠳᠬᠡᠭᠰᠡᠨ ᠡᠵᠡᠮᠳᠡᠵᠤ ᠪᠤᠯᠬᠤᠶᠢᠴᠠ ᠤᠷᠤᠯᠭ᠎ᠠ ᠶᠢ 20720 ᠲᠦᠭᠦᠷᠢᠭ ᠲᠤ ᠬᠦᠷᠬᠡᠵᠦ᠂ ᠵᠢᠯ ᠪᠦᠷᠢ ᠎ ᠶᠢᠨ ᠨᠡᠮᠡᠭᠳᠡᠬᠦ ᠬᠤᠷᠳᠤᠴᠠ ᠶᠢ ᠲᠤᠰᠪᠦᠷᠢ 10% ᠪᠠ 12%᠎ ᠪᠠᠷ ᠨᠡᠮᠡᠭᠳᠡᠬᠦᠯᠦᠨ᠎ᠡ᠃    ᠠᠮᠢ ᠠᠬᠤᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠬᠢ ᠶᠢ ᠲᠠᠰᠤᠷᠤᠯᠳᠠ ᠦᠬᠡᠢ ᠴᠢᠩᠭᠠᠳᠬᠠᠨ᠎ᠠ᠃ ᠬᠦᠭᠵᠢᠯᠳᠡ ᠶᠢᠨ ᠳᠤᠮᠳᠠ ᠬᠠᠮᠠᠭᠠᠯᠠᠬᠤ᠂ ᠬᠠᠮᠠᠭᠠᠯᠠᠯᠳᠠ ᠶᠢᠨ ᠳᠤᠮᠳᠠ ᠬᠦᠭᠵᠢᠬᠦᠯᠬᠦ ᠶᠢ ᠪᠠᠷᠢᠮᠳᠠᠯᠠᠵᠤ᠂ ᠠᠮᠢ ᠠᠬᠤᠢ ᠶᠢᠨ ᠪᠤᠯᠪᠠᠰᠤᠨ ᠤ ᠪᠦᠲᠦᠬᠡᠨ ᠪᠠᠶᠢᠭᠤᠯᠤᠯᠳᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠮᠢ ᠠᠬᠤᠢ ᠎ ᠶᠢᠨ ᠪᠤᠯᠪᠠᠰᠤᠨ ᠤ ᠳᠦᠷᠢᠮ ᠤᠨ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠨ᠎ᠡ᠃ ᠪᠤᠬᠢᠷᠳᠤᠯ ᠦᠬᠡᠢ ᠳᠤᠤᠷ᠎ᠠ ᠨᠡᠭᠦᠷᠡᠰᠦᠳᠦ᠋ᠷᠦᠭᠴᠢᠳᠦ ᠤᠷᠴᠢᠯ ᠬᠦᠭᠵᠢᠯᠳᠡ ᠶᠢ ᠰᠠᠨᠠᠭᠠᠴᠢᠯᠠᠨ ᠵᠢᠯᠤᠭᠤᠳᠴᠤ᠂ ᠪᠤᠬᠢᠷᠳᠤᠯ ᠦᠬᠡᠢ ᠬᠦᠭᠵᠢᠯᠳᠡ ᠎ ᠶᠢᠨ ᠬᠡᠯᠪᠡᠷᠢ ᠪᠠ ᠠᠮᠢᠳᠤᠷᠠᠯ ᠤᠨ ᠬᠡᠯᠪᠡᠷᠢ ᠶᠢ ᠪᠦᠷᠢᠯᠳᠡᠭᠦᠯᠬᠦ ᠶᠢ ᠳᠦᠯᠬᠢᠨ ᠠᠬᠢᠭᠤᠯᠤᠨ᠎ᠠ᠃ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠡᠰᠡᠷᠭᠦᠴᠡᠬᠦ ᠴᠢᠳᠠᠪᠬᠢ ᠶᠢ ᠮᠡᠳᠡᠭᠳᠡᠮ᠎ᠡ ᠳᠡᠭᠡᠭᠰᠢᠯᠡᠬᠦᠯᠦᠨ᠎ᠡ︔ ᠨᠢᠭᠡᠴᠢ ᠦᠢᠯᠡᠳᠪᠦᠷᠢᠯᠡᠯ ᠤᠨ ᠶᠡᠷᠥᠩᠬᠡᠢ ᠦᠷᠳᠡᠭ ᠤᠨ ᠡᠨᠧᠷᠬᠢ ᠶᠢᠨ ᠬᠤᠷᠤᠭᠳᠠᠯ ᠪᠠ ᠭᠤᠤᠯ ᠪᠤᠯᠬᠤ ᠪᠤᠵᠠᠷᠳᠠᠯ ᠪᠤᠳᠠᠰ ᠎ ᠤᠨ ᠭᠠᠳᠠᠭᠰᠢᠯᠠᠭᠤᠯᠬᠤ ᠶᠡᠷᠥᠩᠬᠡᠢ ᠬᠡᠮᠵᠢᠶ᠎ᠡ ᠶᠢ ᠳᠤᠭᠳᠠᠭᠰᠠᠨ ᠪᠠᠷᠢᠮᠵᠢᠶᠠᠨ ᠳᠤ ᠬᠢᠵᠠᠭᠠᠷᠯᠠᠨ᠎ᠠ᠃ ᠲᠠᠯ᠎ᠠ ᠨᠤᠳᠤᠭ ᠎ ᠤᠨ ᠠᠮᠢ ᠠᠬᠤᠢ ᠶᠢ ᠢᠯᠡᠳᠳᠡ ᠰᠠᠶᠢᠵᠢᠷᠠᠭᠤᠯᠵᠤ᠂ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ 50%᠎ ᠳᠤ ᠬᠦᠷᠬᠡᠨ᠎ᠡ᠃     ᠨᠡᠶᠢᠭᠡᠮ ᠤᠨ ᠪᠣᠯᠪᠠᠰᠣᠨ ᠤ ᠬᠡᠮᠵᠢᠶ᠎ᠡ ᠶᠢ ᠲᠣᠭᠳᠠᠭᠤᠨ ᠪᠠᠷ ᠨᠡᠮᠡᠭᠳᠡᠭᠦᠯᠦᠨ᠎ᠡ᠃ ᠰᠣᠶᠣᠯ ᠤᠨ ᠭᠦᠴᠦᠷᠭᠡᠭ ᠬᠤᠰᠢᠭᠤ ᠶᠢ ᠪᠠᠶᠢᠭᠤᠯᠬᠤ ᠶᠢᠨ ᠲᠣᠭᠤᠷᠢᠨ ᠳᠤ᠂ ᠤᠶᠤᠨ ᠤ ᠪᠣᠯᠪᠠᠰᠣᠨ ᠢᠶᠠᠷ ᠭᠦᠴᠦᠯᠡᠨ ᠲᠠᠭᠠᠭᠤᠯᠬᠤ ᠶᠢ ᠴᠢᠩᠭᠠᠳᠬᠠᠵᠦ᠂ ᠦᠨᠳᠦᠰᠦᠳᠡᠨ ᠤ ᠰᠢᠯᠢᠳᠡᠭ ᠣᠯᠠᠮᠵᠢᠯᠠᠯᠳᠦ ᠰᠣᠶᠣᠯ ᠢ ᠣᠯᠠᠮᠵᠢᠯᠠᠨ ᠵᠠᠯᠭᠠᠮᠵᠢᠭᠤᠯᠬᠤ ᠪᠠ ᠦᠷᠨᠢᠬᠦᠯᠦᠨ ᠭᠦᠭᠵᠢᠭᠦᠯᠵᠦ᠂ ᠡᠯ᠎ᠡ ᠦᠨᠳᠦᠰᠦᠳᠡᠨ ᠤ ᠰᠣᠶᠣᠯ ᠤᠨ ᠰᠣᠯᠢᠯᠴᠠᠭ᠎ᠠ ᠶᠢ ᠲᠦᠯᠬᠢᠨ ᠠᠬᠢᠭᠤᠯᠣᠨ᠎ᠠ᠃ ᠬᠠᠣᠯᠢ ᠪᠠᠷ ᠬᠤᠰᠢᠭᠤ ᠪᠠᠨ ᠵᠠᠰᠠᠬᠤ ᠶᠢ ᠲᠦᠯᠬᠢᠨ ᠠᠬᠢᠭᠤᠯᠵᠦ᠂ ᠬᠠᠣᠯᠢᠵᠢᠭᠰᠡᠨ ᠵᠠᠰᠠᠭ ᠤᠨ ᠣᠷᠳᠣᠨ ᠢ ᠪᠦᠳᠦᠭᠡᠨ ᠪᠠᠶᠢᠭᠤᠯᠵᠦ᠂ ᠪᠦᠬᠦ ᠬᠤᠰᠢᠭᠤᠨ ᠤ ᠠᠵᠦ ᠠᠬᠤᠢ᠂ ᠣᠯᠣᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠣᠨ ᠤ ᠪᠦᠳᠦᠭᠡᠨ ᠪᠠᠶᠢᠭᠤᠯᠣᠯᠳᠠ ᠶᠢᠨ ᠬᠠᠣᠯᠢᠵᠢᠭᠤᠯᠣᠯᠳᠠ ᠶᠢᠨ ᠠᠬᠢᠴᠠ ᠶᠢ ᠲᠦᠷᠭᠡᠳᠬᠡᠵᠤ᠂ ᠪᠦᠬᠦ ᠨᠡᠶᠢᠭᠡᠮ ᠤᠨ ᠣᠬᠢ ᠰᠠᠶᠢᠨ ᠬᠠᠣᠯᠢᠵᠢᠭᠰᠡᠨ ᠪᠠᠶᠢᠳᠠᠯ ᠪᠠ ᠬᠠᠣᠯᠢ ᠪᠠᠷ ᠵᠠᠰᠠᠬᠤ ᠵᠠᠩ ᠵᠠᠩᠰᠢᠯ ᠢ ᠪᠦᠷᠢᠯᠳᠦᠭᠦᠯᠦᠨ᠎ᠡ᠃ ᠡᠭᠡᠯ ᠠᠷᠠᠳ ᠤᠨ ᠬᠡᠪ ᠴᠢᠨᠠᠷ ᠪᠠ ᠨᠡᠶᠢᠭᠡᠮ ᠤᠨ ᠪᠣᠯᠪᠠᠰᠣᠨ ᠤ ᠬᠢᠷᠢ ᠲᠦᠪᠰᠢᠨ ᠢ ᠢᠯᠡᠳᠳᠡ ᠲᠡᠭᠡᠭᠰᠢᠯᠡᠬᠦᠯᠵᠤ᠂ ᠲᠣᠮᠳᠠᠳᠣ ᠶᠢᠨ ᠬᠦᠰᠡᠯᠡᠩ ᠪᠠ ᠨᠡᠶᠢᠭᠡᠮ ᠵᠢᠷᠦᠮ ᠤᠨ ᠭᠤᠣᠯᠯᠠᠭᠴᠢ ᠦᠷᠳᠡᠭ ᠤᠨ ᠦᠵᠡᠯᠳᠡ ᠶᠢ ᠭᠦᠮᠦᠨ ᠤ ᠰᠡᠳᠬᠢᠯ ᠳᠤ ᠬᠠᠳᠠᠭᠰᠢᠭᠤᠯᠣᠨ᠎ᠠ᠃     ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠣᠨ᠎ᠠ᠃ ᠲᠦᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠡᠯ᠎ᠡ ᠲᠦᠷᠦᠯ ᠤᠨ ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ ᠲᠣᠣᠱᠯᠠᠭᠤᠯᠵᠦ᠂ ᠨᠡᠶᠢᠭᠡᠮ ᠵᠢᠷᠦᠮ ᠎ ᠤᠨ ᠵᠠᠬ᠎ᠠ ᠲᠡᠯᠭᠡᠭᠦᠷ ᠤᠨ ᠠᠵᠦ ᠠᠬᠤᠢ ᠶᠢᠨ ᠦᠭᠡᠷᠡᠴᠢᠯᠡᠯᠳᠡ ᠶᠢᠨ ᠴᠢᠭᠯᠡᠯ ᠢ ᠪᠠᠷᠢᠮᠳᠠᠯᠠᠵᠦ᠂ ᠵᠠᠰᠠᠭ ᠤᠨ ᠣᠷᠳᠣᠨ ᠎ ᠤ ᠴᠢᠳᠠᠪᠬᠢ ᠶᠢ ᠬᠤᠪᠢᠷᠠᠭᠤᠯᠬᠤ ᠶᠢ ᠲᠦᠷᠭᠡᠳᠬᠡᠵᠦ᠂ ᠵᠠᠬ᠎ᠠ ᠲᠡᠯᠭᠡᠭᠦᠷ ᠤᠨ ᠡᠬᠢ ᠪᠠᠶᠠᠯᠢᠭ ᠢ ᠲᠣᠬᠢᠷᠠᠭᠤᠯᠣᠯᠳᠠ ᠎ ᠶᠢᠨ ᠰᠢᠢᠳᠪᠦᠷᠢᠯᠡᠬᠦ ᠴᠢᠨᠠᠷ ᠲᠠᠢ ᠦᠢᠯᠡᠳᠦᠯ ᠢ ᠭᠦᠢᠴᠡᠳ ᠪᠠᠳᠠᠷᠠᠭᠤᠯᠵᠦ᠂ ᠦᠭᠡᠷᠡᠴᠢᠯᠡᠯᠳᠡ ᠶᠢᠨ ᠭᠤᠣᠯᠳᠠᠯᠭ᠎ᠠ ᠪᠠ ᠰᠢᠪᠳᠣᠯᠣᠯᠳᠠ ᠶᠢᠨ ᠴᠢᠭ ᠢ ᠰᠢᠨᠵᠢᠯᠡᠬᠦ ᠣᠬᠠᠭᠠᠨᠴᠢ ᠪᠠᠷ ᠡᠵᠡᠮᠰᠢᠵᠦ᠂ ᠦᠭᠡᠷᠡᠴᠢᠯᠡᠯᠳᠡ ᠶᠢᠨ ᠲᠣᠷᠰᠢᠯᠳᠡ ᠶᠢᠨ ᠴᠢᠭ ᠢ ᠢᠳᠡᠪᠬᠢᠲᠠᠢ ᠲᠦᠯᠬᠢᠨ ᠠᠬᠢᠭᠤᠯᠵᠦ᠂ ᠠᠵᠦ ᠠᠬᠤᠢ᠂ ᠣᠯᠣᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠵᠣᠬᠢᠴᠠᠭᠤᠯᠣᠨ ᠠᠬᠢᠭᠤᠯᠵᠦ᠂ ᠪᠠᠶᠢᠭᠤᠯᠣᠮᠵᠢ ᠎ ᠶᠢᠨ ᠲᠣᠭᠳᠠᠴᠠ ᠶᠢᠨ ᠰᠢᠨ᠎ᠡ ᠠᠮᠢᠯᠠᠯ ᠤᠨ ᠭᠦᠴᠦᠨ ᠢ ᠲᠠᠰᠣᠷᠠᠯᠳᠠ ᠦᠭᠡᠢ ᠪᠠᠳᠠᠷᠠᠭᠤᠯᠣᠨ᠎ᠠ᠃     ᠬᠢᠯᠢ ᠬᠢᠵᠠᠭᠠᠷ ᠤᠨ ᠠᠮᠣᠷ ᠲᠣᠭᠳᠠᠭᠤᠨ ᠤ ᠰᠠᠭᠤᠷᠢ ᠶᠢ ᠣᠯᠠᠮ ᠪᠠᠬᠢᠵᠢᠭᠦᠯᠦᠨ᠎ᠡ᠃ ᠨᠠᠮ ᠤᠨ ᠦᠨᠳᠦᠰᠦᠳᠡᠨ ᠎ ᠤ ᠱᠠᠰᠢᠨ ᠰᠣᠷᠳᠠᠬᠤᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠡᠷᠭᠡ ᠲᠡᠭᠰᠢ᠂ ᠪᠦᠯᠬᠦᠮᠳᠡᠭᠰᠡᠨ᠂ ᠬᠠᠷᠢᠯᠴᠠᠨ ᠬᠠᠪᠰᠣᠷᠣᠯᠴᠠᠭᠰᠠᠨ᠂ ᠡᠶ᠎ᠡ ᠵᠣᠬᠢᠴᠠᠯᠲᠠᠢ ᠨᠡᠶᠢᠭᠡᠮ ᠵᠢᠷᠣᠮ ᠤᠨ ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠭᠦᠭᠵᠢᠭᠦᠯᠦᠨ᠎ᠡ᠃ ᠨᠡᠶᠢᠭᠡᠮ ᠤᠨ ᠬᠠᠮᠢᠶᠠᠷᠣᠯᠳᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠦ᠂ ᠬᠡᠨᠡᠳᠳᠡ ᠶᠢᠨ ᠭᠡᠷᠡᠭ ᠶᠠᠪᠣᠳᠠᠯ ᠢ ᠪᠠᠴᠢᠮ ᠠᠷᠭᠠᠴᠠᠭᠠᠬᠤ ᠬᠠᠮᠢᠶᠠᠷᠣᠯᠳᠠ ᠶᠢᠨ ᠵᠣᠬᠢᠴᠠᠮᠵᠢ ᠶᠢ ᠲᠡᠭᠦᠯᠲᠡᠷᠵᠢᠭᠦᠯᠵᠦ᠂ ᠭᠤᠣᠯᠳᠠᠭ᠎ᠠ ᠲᠠᠢ ᠬᠢᠵᠠᠭᠠᠷᠯᠠᠨ ᠬᠠᠮᠢᠶᠠᠷᠬᠤ ᠠᠷᠭ᠎ᠠ ᠠᠪᠴᠢᠯ ᠢ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠵᠢᠯᠣᠭᠤᠳᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠠᠳᠣᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠠᠮᠣᠭᠤᠯᠠᠩ ᠲᠠᠶᠢᠪᠦᠩ ᠡᠶ᠎ᠡ ᠵᠣᠬᠢᠴᠠᠯᠳᠠᠢ ᠰᠦᠨᠢᠳ ᠵᠡᠭᠦᠨ ᠬᠤᠰᠢᠭᠤ ᠶᠢ ᠴᠣᠭᠴᠠᠯᠠᠨ ᠪᠠᠶᠢᠭᠤᠯᠣᠨ᠎ᠠ᠃     ᠭᠤᠷᠪᠡ᠂ 2016 ᠤᠨ ᠤ ᠭᠤᠤᠯᠳᠠᠯᠭ᠎ᠠ ᠲᠠᠢ ᠠᠵᠢᠯ     2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾᠎ ᠶᠢᠨ ᠡᠬᠢᠯᠠᠯᠳᠠ ᠶᠢᠨ ᠵᠢᠯ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠠᠵᠢᠯ ᠤᠨ ᠢᠯᠠᠯᠳᠠ ᠶᠢ ᠣᠯᠬᠤ ᠵᠠᠩᠬᠢᠯᠠᠭ᠎ᠠ ᠶᠢᠨ ᠬᠤᠭᠤᠴᠠᠭᠠᠨ ᠤ ᠠᠩᠬᠠᠨ ᠤ ᠵᠢᠯ᠂ ᠮᠦᠨᠴᠥ ︽ᠠᠷᠪᠡ ᠶᠢ ᠪᠦᠷᠬᠦᠭᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠪᠠᠶᠠᠯᠡᠬᠦᠯᠬᠦ ᠰᠢᠪᠳᠣᠯᠣᠯᠳᠠ ᠶᠢᠨ ᠵᠢᠯ ᠪᠤᠯᠤᠨ᠎ᠠ᠃ ᠦᠨᠤ ᠵᠢᠯ ᠤᠨ ᠠᠵᠢᠯ ᠢ ᠰᠠᠶᠢᠳᠤᠷ ᠬᠢᠬᠦ ᠨᠢ ᠭᠤᠣᠯ ᠵᠠᠩᠬᠢᠯᠠᠭ᠎ᠠ ᠪᠤᠯᠤᠨ᠎ᠠ᠃     ᠶᠡᠷᠤᠩᠬᠡᠢ ᠰᠡᠤᠠᠬᠢᠴᠠ ᠪᠤᠯ᠄ ᠤᠯᠤᠰ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠠᠶᠢᠮᠠᠭ ᠤᠨ ᠨᠠᠮ ᠤᠨ ᠬᠤᠷᠢᠶᠡᠨ ᠤ ᠰᠢᠢᠤᠠᠪᠤᠷᠢᠳᠤ ᠪᠤᠳᠤᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠥ᠂ ︽ᠲᠠᠪᠤᠨ ᠶᠡᠭᠡ ᠬᠦᠭᠵᠢᠯᠳᠠ ᠶᠢᠨ ᠦᠵᠡᠯᠳᠡ︾᠎ ᠶᠢ ᠪᠤᠢ ᠪᠤᠯᠭᠠᠵᠥ᠂ ᠲᠣᠭᠳᠠᠭᠤᠨ ᠤ ᠲᠣᠮᠳᠠ ᠤᠷᠤᠭᠰᠢᠯᠠᠬᠤ ᠠᠵᠢᠯ ᠤᠨ ᠶᠡᠷᠦᠩᠬᠢ ᠵᠠᠷᠴᠢᠮ ᠢ ᠪᠠᠷᠢᠮᠳᠠᠯᠠᠨ᠂ ᠪᠦᠳᠤᠴᠠ ᠶᠢ ᠲᠤᠬᠢᠷᠠᠭᠤᠯᠵᠥ ᠠᠵᠥ ᠦᠢᠯᠡᠰ ᠢ ᠬᠦᠴᠤᠷᠬᠡᠭᠵᠢᠬᠦᠯᠬᠦ᠂ ᠦᠬᠡᠷᠡᠴᠢᠯᠠᠯᠳᠠ ᠶᠢ ᠠᠬᠢᠭᠤᠯᠵᠥ ᠨᠡᠬᠡᠬᠡᠯᠳᠠ ᠶᠢ ᠦᠷᠬᠡᠤᠬᠡᠬᠦ᠂ ᠪᠠᠳᠤᠯᠠᠭ᠎ᠠ ᠶᠢ ᠴᠢᠩᠭᠠᠤᠨᠬᠠᠵᠥ ᠲᠤᠳᠠᠭᠤ ᠪᠠᠨ ᠨᠦᠬᠦᠪᠤᠷᠢᠯᠡᠬᠦ᠂ ᠬᠠᠤᠯᠢ ᠢᠶᠠᠷ ᠵᠠᠰᠠᠬᠤ ᠶᠢ ᠬᠦᠨᠳᠤᠤᠨᠬᠡᠵᠥ ᠰᠢᠨ᠎ᠠ ᠰᠤᠷᠳᠠᠯ ᠢ ᠪᠤᠢ ᠪᠤᠯᠭᠠᠬᠤ᠂ ᠠᠷᠠᠤᠨ ᠤᠨ ᠠᠮᠢᠳᠤᠷᠠᠯ ᠢ ᠬᠠᠷᠠᠭᠠᠯᠵᠠᠵᠥ ᠡᠶ᠎ᠡ ᠵᠤᠬᠢᠴᠠᠯ ᠢ ᠴᠤᠭᠴᠠᠯᠠᠬᠤ᠂ ᠰᠠᠭᠤᠷᠢ ᠪᠠᠨ ᠪᠠᠳᠤᠤᠨᠬᠠᠵᠥ ᠰᠤᠷᠳᠠᠯ ᠢᠶᠠᠨ ᠬᠤᠪᠢᠷᠠᠭᠤᠯᠬᠤ ︽ᠵᠢᠷᠭᠤᠭᠠᠨ ᠶᠡᠭᠡ ᠭᠤᠤᠯᠳᠠᠯᠠᠭ᠎ᠠ ᠲᠠᠢ ᠡᠬᠦᠷᠬᠡ︾᠎ ᠶᠢ ᠦᠨᠡᠡᠬᠦ ᠰᠠᠶᠢᠳᠤᠷ ᠠᠤᠬᠠᠤᠵᠥ᠂ ᠰᠡᠤᠡᠬᠢᠯ ᠎ ᠢᠶᠠᠨ ᠨᠢᠬᠡᠤᠨᠬᠡᠵᠥ ᠬᠦᠴᠤᠨ ᠢᠶᠠᠨ ᠨᠢᠭᠳᠠᠷᠠᠭᠤᠯᠤᠨ ᠬᠦᠴᠢᠷ ᠪᠡᠷᠬᠡᠰᠢᠶᠠᠯ ᠢ ᠲᠤᠭᠤᠯᠵᠥ᠂ ᠠᠵᠥ ᠠᠬᠤᠢ ᠨᠠᠶᠢᠬᠡᠮ ᠎ ᠤᠨ ᠦᠷᠬᠦᠯᠵᠢᠯᠠᠨ ᠡᠷᠡᠬᠦᠯ ᠢᠶᠠᠷ ᠬᠦᠭᠵᠢᠬᠦ ᠶᠢ ᠢᠳᠡᠪᠬᠢᠳᠡᠢ ᠲᠦᠯᠬᠢᠨ ᠠᠬᠢᠭᠤᠯᠤᠨ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠠᠵᠥ ᠠᠬᠤᠢ ᠨᠠᠶᠢᠬᠡᠮ ᠤᠨ ᠬᠦᠭᠵᠢᠯᠳᠠ ᠶᠢᠨ ᠤᠬᠢ ᠰᠠᠶᠢᠨ ᠡᠬᠢᠯᠠᠯᠳᠠ ᠶᠢ ᠪᠡᠶᠡᠯᠡᠭᠦᠯᠦᠨ᠎ᠡ᠃     ᠲᠦᠯᠦᠪᠯᠡᠭᠰᠡᠨ ᠭᠤᠤᠯ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠤᠩᠬᠡᠢ ᠦᠷᠳᠡᠭ ᠢ 53.5 ᠳ᠋ᠦᠩᠰᠢᠭᠤᠷ ᠲᠦᠭᠦᠷᠢᠭ ᠲᠤ ᠬᠦᠷᠬᠡᠵᠦ᠂ 10.2%᠎ ᠪᠠᠷ ᠨᠡᠮᠡᠭᠳᠡᠬᠦᠯᠦᠨ᠎ᠡ᠂ ᠡᠬᠦᠨ ᠳᠤ᠄ ᠨᠢᠬᠡᠳᠤᠬᠡᠷ ᠠᠵᠦ ᠦᠢᠯᠡᠰ ᠤᠨ ᠨᠡᠮᠡᠭᠳᠡᠯ ᠦᠷᠳᠡᠭ ᠢ 6.4 ᠳ᠋ᠦᠩᠰᠢᠭᠤᠷ ᠲᠦᠭᠦᠷᠢᠭ ᠲᠤ ᠬᠦᠷᠬᠡᠵᠦ᠂ 3.9%᠎ ᠪᠠᠷ ᠨᠡᠮᠡᠭᠳᠡᠬᠦᠯᠦᠨ᠎ᠡ ︔ ᠬᠤᠶᠠᠳᠤᠭᠠᠷ ᠠᠵᠦ ᠦᠢᠯᠡᠰ ᠤᠨ ᠨᠡᠮᠡᠭᠳᠡᠯ ᠦᠷᠳᠡᠭ ᠢ 36.1 ᠳ᠋ᠦᠩᠰᠢᠭᠤᠷ ᠲᠦᠭᠦᠷᠢᠭ ᠲᠤ ᠬᠦᠷᠬᠡᠵᠦ᠂ 11.2%᠎ ᠪᠠᠷ ᠨᠡᠮᠡᠭᠳᠡᠬᠦᠯᠤᠨ᠎ᠠ᠃ ᠡᠬᠦᠨᠳᠤ ᠠᠵᠥ ᠦᠢᠯᠡᠤᠨᠪᠤᠷᠢ ᠶᠢᠨ ᠨᠡᠮᠡᠭᠳᠡᠯ ᠦᠷᠳᠡᠭ ᠢ 30.3 ᠳ᠋ᠦᠩᠰᠢᠭᠤᠷ ᠲᠦᠭᠦᠷᠢᠭ ᠲᠤ ᠬᠦᠷᠬᠡᠵᠦ᠂ 11.4%᠎ ᠪᠠᠷ ᠨᠡᠮᠡᠭᠳᠡᠬᠦᠯᠦᠨ᠎ᠡ︔ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠳᠡᠭ ᠢ 11 ᠳ᠋ᠦᠩᠰᠢᠭᠤᠷ ᠲᠦᠭᠦᠷᠢᠭ ᠲᠤ ᠬᠦᠷᠬᠡᠵᠦ᠂ 11.7%᠎ ᠪᠠᠷ ᠨᠡᠮᠡᠭᠳᠡᠬᠦᠯᠦᠨ᠎ᠡ᠃ ᠪᠦᠬᠦ ᠨᠠᠶᠢᠬᠡᠮ ᠎ ᠤᠨ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 37.2 ᠳ᠋ᠦᠩᠰᠢᠭᠤᠷ ᠲᠦᠭᠦᠷᠢᠭ ᠲᠤ ᠬᠦᠷᠬᠡᠵᠦ᠂ 19.9%᠎ ᠪᠠᠷ ᠨᠡᠮᠡᠭᠳᠡᠬᠦᠯᠦᠨ᠎ᠡ᠃ ᠨᠠᠶᠢᠳᠠ ᠶᠢᠨ ᠡᠳ᠋ ᠶᠢᠨ ᠵᠠᠰᠠᠭ ᠤᠨ ᠲᠦᠰᠤᠪᠯᠡᠭᠰᠡᠨ ᠤᠷᠤᠯᠭ᠎ᠠ ᠶᠢ 2.47 ᠳ᠋ᠦᠩᠰᠢᠭᠤᠷ ᠲᠦᠭᠦᠷᠢᠭ ᠲᠤ ᠬᠦᠷᠬᠡᠵᠦ᠂ 11%᠎ ᠪᠠᠷ ᠨᠡᠮᠡᠭᠳᠡᠬᠦᠯᠦᠨ᠎ᠡ᠃ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠳᠡᠭᠰᠢᠳᠬᠡᠭᠰᠡᠨ ᠡᠵᠡᠮᠳᠡᠵᠦ ᠪᠤᠯᠬᠤᠶᠢᠴᠠ ᠤᠷᠤᠯᠭ᠎ᠠ ᠶᠢ 33220 ᠲᠦᠭᠦᠷᠢᠭ ᠲᠤ ᠬᠦᠷᠬᠡᠵᠦ᠂ 10%᠎ ᠪᠠᠷ ᠨᠡᠮᠡᠭᠳᠡᠬᠦᠯᠦᠨ᠎ᠡ᠃ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠦᠨ ᠪᠦᠷᠢ ᠳᠤ ᠳᠡᠭᠰᠢᠳᠬᠡᠭᠰᠡᠨ ᠡᠵᠡᠮᠳᠡᠵᠦ ᠪᠤᠯᠬᠤᠶᠢᠴᠠ ᠤᠷᠤᠯᠭ᠎ᠠ ᠶᠢ 13170 ᠲᠦᠭᠦᠷᠢᠭ ᠎ ᠲᠤ ᠬᠦᠷᠬᠡᠵᠦ᠂ 12%᠎ ᠪᠠᠷ ᠨᠡᠮᠡᠭᠳᠡᠬᠦᠯᠦᠨ᠎ᠡ᠃     ᠲᠡᠬᠡᠷ᠎ᠡ ᠲᠤᠷᠡᠳᠤᠭᠰᠠᠨ ᠡᠭᠦᠷᠭᠡ ᠬᠠᠷᠠᠯᠳᠠ ᠪᠠᠨ ᠪᠠᠶᠡᠯᠡᠬᠦᠯᠬᠦ ᠳᠤ᠂ ᠲᠤᠤᠷᠠᠬᠢ ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠨ᠎ᠠ᠃     ︵ᠨᠢᠬᠡ︶ ᠠᠵᠤ ᠦᠢᠯᠡᠰ ᠤᠨ ᠪᠦᠳᠤᠴᠠ ᠶᠢ ᠰᠢᠯᠢᠳᠡᠭᠵᠢᠬᠦᠯᠵᠥ᠂ ᠬᠦᠭᠵᠢᠯᠳᠠ ᠶᠢᠨ ᠴᠢᠨᠠᠷ ᠴᠢᠨᠰᠠᠭ᠎ᠠ ᠶᠢ ᠤᠯᠠᠮ ᠨᠢᠬᠡ ᠠᠯᠬᠤᠮ ᠲᠡᠬᠡᠭᠰᠢᠯᠡᠬᠦᠯᠤᠨ᠎ᠠ᠃ ᠠᠵᠥ ᠦᠢᠯᠠᠰ ᠤᠨ ᠬᠦᠭᠵᠢᠯᠳᠠ ᠶᠢ ᠲᠦᠷᠬᠡᠤᠨᠬᠡᠬᠦ‍ ᠨᠢᠬᠡ ᠪᠦᠯᠦᠭ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠲᠤᠭᠤᠷᠢᠨ ᠳᠤ᠂ ᠠᠵᠥ ᠦᠢᠯᠡᠰ ᠢ ᠰᠢᠯᠢᠳᠡᠭᠵᠢᠬᠦᠯᠬᠦ ᠪᠠ ᠴᠢᠨᠠᠷ ᠴᠢᠨᠰᠠᠭ᠎ᠠ ᠶᠢ ᠲᠡᠬᠡᠭᠰᠢᠯᠡᠬᠦᠯᠬᠦ ᠠᠵᠢᠯ ᠢ ᠰᠠᠶᠢᠳᠤᠷ ᠠᠤᠠᠬᠤᠬᠤ ᠶᠢ ᠪᠠᠷᠢᠮᠳᠠᠯᠠᠵᠥ᠂ ᠠᠵᠥ ᠦᠢᠯᠡᠰ ᠤᠨ ᠪᠤᠳᠠᠳᠤ ᠬᠦᠴᠤᠨ ᠢ ᠲᠠᠰᠤᠷᠠᠯᠳᠠ ᠦᠬᠡᠢ ᠴᠢᠩᠭᠠᠷᠠᠭᠤᠯᠤᠨ᠎ᠠ᠃ᠨᠢᠬᠡ ᠳᠤ ᠤᠳᠤᠬᠢᠴᠢᠯᠠᠭᠰᠠᠨ ᠮᠠᠯ ᠠᠵᠤ ᠠᠬᠤᠢ ᠶᠢ ᠰᠢᠯᠢᠳᠡᠭᠵᠢᠬᠦᠯᠤᠨ ᠪᠤᠵᠠᠭᠠᠶᠢᠷᠠᠭᠤᠯᠤᠨ᠎ᠠ᠃ ᠲᠠᠯ᠎ᠠ ᠨᠤᠳᠤᠭ ᠢ ᠨᠤᠭᠤᠭᠠᠷᠠᠭᠤᠯᠬᠤ᠂ ᠮᠠᠯ ᠠᠵᠥ ᠠᠬᠤᠢ ᠶᠢᠨ ᠦᠷ᠎ᠡ ᠠᠰᠢᠭ ᠢ ᠨᠡᠮᠡᠭᠳᠡᠬᠦᠯᠬᠦ᠂ ᠮᠠᠯᠴᠢᠤᠨ ᠤᠨ ᠤᠷᠤᠯᠭ᠎ᠠ ᠶᠢ ᠨᠡᠮᠡᠭᠳᠡᠬᠦᠯᠬᠦ ᠪᠠᠷ ᠬᠠᠷᠠᠯᠳᠠ ᠪᠠᠨ ᠪᠤᠯᠭᠠᠨ᠂ ᠤᠳᠤᠬᠢᠴᠢᠯᠠᠭᠰᠠᠨ ᠮᠠᠯ ᠠᠵᠤ ᠠᠬᠤᠢ ᠶᠢ ᠬᠦᠭᠵᠢᠬᠦᠯᠬᠦ ᠶᠢ ᠴᠢᠩᠭ᠎ᠠ ᠠᠤᠠᠬᠤᠵᠥ᠂ ᠤᠯᠠᠮᠵᠢᠯᠠᠯᠳᠤ ᠮᠠᠯ ᠠᠵᠥ ᠠᠬᠤᠢ ᠶᠢ ᠪᠠᠶᠢᠭᠠᠯᠢᠭ ᠪᠤᠬᠢᠷᠳᠤᠯ ᠦᠬᠡᠢ ᠤᠳᠤᠬᠢᠴᠢᠯᠠᠭᠰᠠᠨ ᠮᠠᠯ ᠠᠵᠤ ᠠᠬᠤᠢ ᠲᠡᠰᠢ ᠬᠤᠪᠢᠷᠠᠭᠤᠯᠬᠤ ᠶᠢ ᠲᠦᠷᠬᠡᠤᠡᠬᠡᠨ᠎ᠡ᠃     — — ᠮᠠᠯ ᠠᠵᠥ ᠠᠬᠤᠢ ᠶᠢᠨ ᠦᠢᠯᠡᠤᠠᠪᠤᠷᠢᠯᠠᠯ ᠤᠨ ᠪᠦᠳᠤᠴᠠ ᠶᠢ ᠰᠢᠯᠢᠳᠡᠭᠵᠢᠬᠦᠯᠤᠨ᠎ᠠ᠃ ᠮᠠᠯ ᠠᠵᠥ ᠠᠬᠤᠢ ᠶᠢᠨ ᠴᠢᠨᠠᠷᠵᠢᠯ ᠢ ᠲᠡᠬᠡᠭᠰᠢᠯᠡᠬᠦᠯᠵᠥ ᠦᠷ᠎ᠡ ᠠᠰᠢᠭ ᠢ ᠨᠡᠮᠡᠭᠳᠡᠬᠦᠯᠬᠦ ᠢᠨᠵᠧᠨᠧᠷᠢᠩ ᠢ ᠬᠡᠷᠩᠵᠢᠬᠦᠯᠵᠥ᠂ ᠰᠦᠨᠢᠳ ᠬᠤᠨᠢ ᠶᠢ ᠴᠡᠪᠡᠷᠰᠢᠬᠦᠯᠤᠨ ᠰᠢᠯᠢᠳᠡᠭᠵᠢᠬᠦᠯᠬᠦ ᠪᠠ ᠪᠠᠷᠢᠮᠵᠢᠶᠠᠲᠤ ᠰᠦᠷᠦᠭ ᠢ ᠰᠤᠩᠭᠤᠨ ᠪᠤᠶᠢᠵᠢᠭᠤᠯᠬᠤ ᠠᠵᠢᠯ ᠢ ᠰᠠᠶᠢᠳᠤᠷ ᠠᠳᠬᠤᠵᠤ᠂ ᠪᠠᠷᠢᠮᠵᠢᠶᠠᠲᠤ ᠰᠦᠷᠦᠭ ᠢ 1800 ᠰᠦᠷᠦᠭ᠂ 54 ᠲᠦᠮᠠᠨ ᠲᠤᠯᠤᠭᠠᠢ ᠳᠤ ᠬᠦᠷᠬᠡᠨ᠎ᠡ᠃ ᠦᠷ᠎ᠡ ᠶᠢᠨ ᠮᠠᠯ ᠤᠨ ᠬᠠᠮᠢᠶᠠᠷᠤᠯᠳᠠ ᠪᠠᠨ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠪᠠ ᠲᠡᠮᠵᠢᠬᠦ ᠬᠦᠴᠦᠯᠡᠴᠡ ᠪᠠᠨ ᠨᠡᠮᠡᠭᠳᠡᠬᠦᠯᠵᠤ᠂ ᠦᠷ᠎ᠡ ᠶᠢᠨ ᠮᠠᠯ ᠤᠨ ᠬᠠᠩᠭᠠᠯᠳᠠ ᠪᠠᠨ ᠨᠡᠮᠡᠭᠳᠡᠬᠦᠯᠦᠨ᠎ᠡ᠃ ᠦᠬᠡᠷ ᠤᠨ ᠡᠬᠦᠯᠳᠡᠷ ᠰᠠᠶᠢᠵᠢᠷᠠᠭᠤᠯᠤᠯᠳᠠ ᠶᠢᠨ ᠠᠵᠢᠯ ᠢ ᠰᠠᠶᠢᠳᠤᠷ ᠠᠤᠠᠬᠤᠵᠥ᠂ ᠰᠢᠯᠢᠳᠡᠭ ᠡᠬᠦᠯᠳᠡᠷ ᠤᠨ ᠦᠬᠡᠷ ᠠᠷᠠᠴᠢᠯᠠᠨ ᠮᠠᠯᠵᠢᠬᠤ ᠲᠤᠭ᠎ᠠ ᠲᠤᠯᠤᠭᠠᠢ ᠶᠢ ᠦᠷᠬᠦᠯᠵᠢᠯᠡᠨ ᠨᠡᠮᠡᠭᠳᠡᠬᠦᠯᠵᠥ᠂ ᠰᠠᠶᠢᠨ ᠡᠬᠦᠯᠳᠡᠷ ᠎ ᠤᠨ ᠦᠬᠡᠷ ᠶᠢ 2.7 ᠲᠦᠮᠠᠨ ᠲᠤᠯᠤᠭᠠᠢ ᠳᠤ ᠬᠦᠷᠬᠡᠵᠥ᠂ ᠨᠤᠳᠤᠭ ᠤᠨ ᠦᠬᠡᠷ ᠶᠢ ᠰᠤᠩᠭᠤᠨ ᠬᠠᠮᠠᠭᠠᠯᠠᠬᠤ ᠠᠵᠢᠯ ᠎ ᠢ ᠰᠠᠶᠢᠳᠤᠷ ᠠᠤᠠᠬᠤᠨ᠎ᠠ᠃ ᠡᠪᠤᠯᠵᠢᠬᠦ ᠮᠠᠯ ᠤᠨ ᠶᠠᠷᠤᠩᠬᠡᠢ ᠲᠤᠭ᠎ᠠ ᠲᠤᠯᠤᠭᠠᠢ ᠶᠢ 100 ᠲᠦᠮᠠᠨ ᠲᠤᠯᠤᠭᠠᠢ ᠳᠤ ᠬᠢᠵᠠᠭᠠᠷᠯᠠᠵᠤ᠂ ᠡᠬᠦᠯᠳᠡᠷ ᠰᠠᠶᠢᠵᠢᠷᠠᠭᠤᠯᠤᠯᠳᠠ ᠶᠢᠨ ᠨᠤᠷᠮ᠎ᠠ ᠶᠢ 97%᠎ ᠠᠴᠠ ᠲᠡᠭᠡᠭᠰᠢ ᠳᠤ ᠬᠦᠷᠭᠡᠨ᠎ᠡ᠃ ᠮᠣᠩᠭᠤᠯ ᠠᠳᠣᠭᠤ ᠪᠣᠯᠣᠨ ᠰᠦᠨᠢᠳ ᠬᠤᠣᠰ ᠪᠦᠬᠦᠳᠦ ᠲᠡᠮᠡᠭᠡ ᠶᠢ ᠵᠣᠬᠢᠬᠤ ᠬᠡᠪᠴᠢᠶ᠎ᠡ ᠪᠠᠷ ᠮᠠᠯᠵᠢᠬᠤ ᠶᠢ ᠵᠣᠷᠢᠭᠵᠢᠭᠤᠯᠵᠦ᠂ ᠮᠢᠬᠠᠨ ᠤ ᠦᠬᠡᠷ᠂ ᠰᠦᠨᠢᠤᠨ ᠬᠤᠨᠢ ᠶᠢ ᠡᠷᠴᠢᠮᠵᠢᠬᠦᠯᠤᠨ ᠬᠡᠪᠴᠢᠶᠡᠵᠢᠬᠦᠯᠤᠨ ᠮᠠᠯᠵᠢᠬᠤ ᠬᠦᠭᠵᠢᠯᠳᠠ ᠶᠢᠨ ᠬᠢᠷᠢ ᠲᠦᠪᠰᠢᠨ ᠢ ᠲᠦᠷᠬᠡᠤᠡᠬᠡᠨ ᠠᠬᠢᠭᠤᠯᠵᠥ᠂ ᠤᠯᠤᠰ᠂ ᠤᠷᠤᠨ ᠤ ᠬᠤᠯᠪᠤᠭᠳᠠᠯ ᠪᠦᠬᠦᠢ ᠲᠦᠷᠤ ᠶᠢᠨ ᠪᠤᠳᠤᠯᠭ᠎ᠠ ᠶᠢ ᠰᠠᠶᠢᠳᠤᠷ ᠠᠰᠢᠭᠯᠠᠵᠥ᠂ ᠰᠦᠷᠦᠭ ᠤᠨ ᠪᠦᠳᠤᠴᠠ ᠶᠢ ᠰᠢᠯᠢᠳᠡᠭᠵᠢᠬᠦᠯᠵᠥ᠂ ᠡᠬᠡ ᠮᠠᠯ ᠎ ᠤᠨ ᠰᠦᠷᠦᠭ ᠢ ᠦᠷᠬᠡᠤᠡᠬᠡᠨ ᠨᠡᠮᠡᠭᠳᠡᠬᠦᠯᠬᠦ ᠶᠢ ᠠᠬᠢᠭᠤᠯᠵᠥ᠂ ᠡᠬᠡ ᠮᠠᠯ ᠢ ᠦᠰᠬᠡᠨ ᠦᠷᠡᠵᠢᠬᠦᠯᠬᠦ ᠰᠠᠭᠤᠷᠢ ᠶᠢ ᠪᠠᠬᠢᠵᠢᠬᠦᠯᠤᠨ᠎ᠠ᠃ ᠦᠨᠤ ᠵᠢᠯ ᠰᠢᠨ᠎ᠠ ᠪᠠᠷ 50 ᠡᠷᠤᠬᠡ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠡᠢ ᠎ ᠶᠢ ᠪᠠᠶᠢᠭᠤᠯᠵᠥ᠂ ᠨᠠᠶᠢᠳᠡᠯᠢᠭ ᠵᠢᠱᠢᠶ᠎ᠡ ᠦᠵᠡᠬᠦᠯᠬᠦ ᠬᠡᠷ ᠪᠦᠯᠢ ᠶᠢᠨ ᠮᠠᠯᠵᠢᠯ ᠤᠨ ᠲᠠᠯᠠᠪᠡᠢ ᠶᠢ ᠨᠡᠮᠡᠭᠳᠡᠬᠦᠯᠤᠨ 50 ᠡᠷᠤᠬᠡ ᠳᠤ ᠬᠦᠷᠬᠡᠨ᠎ᠡ᠃ ᠰᠦᠨᠢᠳ ᠬᠤᠨᠢᠨ ᠤ ᠪᠦᠬᠦᠶᠢᠯᠨ ᠠᠵᠥ ᠦᠢᠯᠡᠰ ᠤᠨ ᠬᠡᠯᠬᠢᠶᠠᠵᠢᠯ ᠢ ᠮᠦᠷᠳᠡᠨ ᠨᠡᠬᠡᠮᠵᠢᠯᠡᠬᠦ ᠰᠢᠰᠲ᠋ᠧᠮ ᠶᠢᠨ ᠪᠠᠶᠢᠭᠤᠯᠤᠯᠳᠠ ᠶᠢ ᠲᠡᠬᠦᠯᠳᠡᠷᠵᠢᠬᠦᠯᠵᠥ᠂ ᠲᠤᠷᠰᠢᠯᠳᠠ ᠶᠢᠨ ᠬᠦᠷᠢᠶ᠎ᠡ ᠬᠡᠪᠴᠢᠶ᠎ᠠ ᠪᠠ ᠮᠠᠯ ᠰᠦᠷᠦᠭ ᠤᠨ ᠬᠦᠷᠢᠶ᠎ᠡ ᠬᠡᠪᠴᠢᠶ᠎ᠡ ᠪᠠᠨ ᠦᠷᠬᠡᠤᠡᠬᠡᠵᠥ᠂ ᠮᠠᠯᠴᠢᠤᠨ ᠪᠤᠯᠤᠨ ᠬᠤᠷᠰᠢᠶᠠᠵᠢᠯ ᠨᠢ ᠮᠦᠷᠳᠡᠨ ᠨᠡᠬᠡᠮᠵᠢᠯᠡᠬᠦ ᠰᠢᠰᠲ᠋ᠧᠮ ᠶᠢᠨ ᠪᠦᠳᠤᠬᠡᠨ ᠪᠠᠶᠢᠭᠤᠯᠤᠯᠳᠠ ᠳᠤ ᠢᠳᠡᠪᠬᠢᠳᠡᠢ ᠪᠠᠷ ᠤᠷᠤᠯᠴᠠᠬᠤ ᠶᠢ ᠵᠤᠷᠢᠭᠵᠢᠭᠤᠯᠵᠥ᠂ ᠰᠦᠨᠢᠤᠨ ᠬᠤᠨᠢ ᠪᠦᠬᠦᠨ ᠳᠤ ᠮᠦᠷᠳᠡᠨ ᠨᠡᠬᠡᠮᠵᠢᠯᠡᠬᠦ ᠬᠠᠮᠢᠶᠠᠷᠤᠯᠳᠠ ᠶᠢ ᠬᠡᠷᠩᠵᠢᠬᠦᠯᠬᠦ ᠶᠢ ᠠᠯᠬᠤᠮ ᠠᠯᠬᠤᠮ ᠢᠶᠠᠷ ᠪᠠᠶᠡᠯᠡᠬᠦᠯᠤᠨ᠎ᠠ᠃     — — ᠮᠠᠯ ᠠᠵᠥ ᠠᠬᠤᠢ ᠶᠢᠨ ᠠᠵᠥ ᠦᠢᠯᠡᠰᠵᠢᠭᠰᠡᠨ ᠡᠵᠡᠩᠨᠠᠯᠳᠠ ᠶᠢ ᠲᠦᠯᠬᠢᠨ ᠠᠬᠢᠭᠤᠯᠤᠨ᠎ᠠ᠃ ︽ᠬᠤᠷᠰᠢᠶᠠᠵᠢᠯ + ᠠᠵᠥ ᠠᠬᠤᠶᠢᠯᠠᠯ + ᠠᠵᠥ ᠠᠬᠤᠢ ᠶᠢᠨ ᠲᠤᠭᠤᠷᠢᠭ︾᠂ ︽ᠠᠵᠥ ᠠᠬᠤᠶᠢᠯᠠᠯ + ᠰᠠᠭᠤᠷᠢᠨ ᠭᠠᠵᠠᠷ + ᠮᠠᠯᠴᠢᠨ ᠡᠷᠤᠬᠡ︾ ᠵᠡᠷᠬᠡ ᠠᠰᠢᠭ ᠲᠤᠰᠠ ᠢᠶᠠᠷ ᠬᠤᠯᠪᠤᠯᠳᠠᠬᠤ ᠠᠷᠭ᠎ᠠ ᠠᠪᠴᠢᠯ ᠢ ᠲᠠᠰᠤᠷᠠᠯᠳᠠ ᠦᠬᠡᠢ ᠲᠡᠬᠦᠯᠳᠡᠷᠵᠢᠬᠦᠯᠵᠤ᠂ ᠠᠰᠢᠭ ᠲᠤᠰᠠ ᠪᠠᠷ ᠢᠶᠠᠨ ᠬᠤᠯᠪᠤᠯᠳᠤᠬᠤ ᠵᠤᠬᠢᠵᠡᠮᠵᠢ ᠶᠢᠨ ᠪᠤᠳᠠᠳᠤ ᠨᠠᠷᠢᠯᠢᠭᠵᠢᠭᠰᠠᠨ ᠲᠦᠰᠤᠪ ᠢ ᠰᠤᠳᠤᠯᠤᠨ ᠲᠤᠭᠳᠠᠭᠠᠵᠥ᠂ ᠬᠠᠤᠯᠢ ᠳᠤ ᠨᠠᠶᠢᠴᠡᠭᠰᠡᠨ ᠵᠠᠬ᠎ᠠ ᠲᠡᠯᠬᠡᠬᠦᠷ ᠶᠢᠨ ᠵᠢᠮ᠎ᠠ ᠶᠤᠰᠤᠨ ᠳᠤ ᠵᠤᠬᠢᠴᠠᠭᠰᠠᠨ ᠮᠠᠯᠴᠢᠤᠨ ᠪᠤᠯᠤᠨ ᠠᠵᠥ ᠠᠬᠤᠶᠢᠯᠠᠯ ᠠᠰᠢᠭ ᠲᠤᠰᠠ ᠪᠠᠷ ᠢᠶᠠᠨ ᠨᠢᠭᠳᠠ ᠬᠤᠯᠪᠤᠯᠳᠠᠬᠤ ᠵᠤᠬᠢᠵᠡᠮᠵᠢ ᠎ ᠶᠢ ᠡᠷᠢᠯᠬᠢᠯᠡᠵᠥ᠂ ᠮᠠᠯᠴᠢᠤᠨ ᠤᠨ ᠦᠢᠯᠡᠤᠨᠪᠤᠷᠢᠯᠡᠯ ᠡᠵᠡᠩᠨᠡᠯᠳᠠ ᠶᠢᠨ ᠲᠤᠮᠳᠠᠬᠢ ᠪᠠᠶᠢᠷᠢ ᠰᠠᠭᠤᠷᠢ ᠶᠢ ᠲᠦᠷᠬᠡᠨ ᠲᠡᠬᠡᠭᠰᠢᠯᠡᠬᠦᠯᠵᠥ᠂ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠢ ᠵᠤᠬᠢᠰᠳᠡᠢ ᠦᠨ᠎ᠡ ᠬᠠᠩᠰᠢ ᠪᠠᠷ ᠪᠤᠷᠤᠯᠠᠭᠤᠯᠬᠤ ᠎ ᠳᠤ ᠪᠠᠳᠤᠯᠠᠭ᠎ᠠ ᠬᠠᠩᠭᠠᠵᠥ᠂ ᠮᠠᠯᠴᠢᠤᠨ ᠤᠨ ᠤᠷᠤᠯᠭ᠎ᠠ ᠶᠢ ᠲᠡᠬᠡᠭᠰᠢᠯᠡᠬᠦᠯᠵᠥ᠂ ᠮᠠᠯᠴᠢᠤᠨ ᠤᠨ ᠠᠰᠢᠭ ᠲᠤᠰᠠ ᠢ ᠬᠠᠮᠠᠭᠠᠯᠠᠨ᠎ᠠ᠃ 2 — 3 ᠨᠠᠷ᠎ᠡ ᠡᠵᠡᠩᠨᠠᠯᠳᠠ ᠨᠢ ᠲᠦᠷᠢᠮᠵᠢᠭᠰᠡᠨ ᠲᠠᠭᠠᠭᠤᠯᠤᠭᠴᠢ ᠦᠢᠯᠡᠳᠤᠯ ᠲᠠᠢ ᠬᠤᠷᠰᠢᠶᠠᠵᠢᠯ ᠎ ᠢ ᠰᠤᠩᠭᠤᠨ ᠮᠠᠯᠴᠢᠤᠨ ᠪᠤᠯᠤᠨ ᠠᠵᠥ ᠠᠬᠤᠶᠢᠯᠠᠯ ᠠᠰᠢᠭ ᠲᠤᠰᠠ ᠪᠠᠷ ᠢᠶᠠᠨ ᠬᠤᠯᠪᠤᠯᠳᠤᠬᠤ ᠵᠤᠬᠢᠵᠡᠮᠵᠢ ᠶᠢᠨ ᠲᠤᠷᠰᠢᠯᠳᠠ ᠶᠢᠨ ᠠᠵᠢᠯ ᠢ ᠦᠷᠨᠢᠬᠦᠯᠤᠨ᠎ᠠ᠃ ᠰᠦᠨᠢᠤᠨ ᠬᠤᠨᠢᠨ ᠮᠢᠬᠠᠨ ᠤ ᠤᠯᠤᠰ ᠤᠨ ᠭᠠᠵᠡᠷ ᠵᠦᠢ ᠶᠢᠨ ᠨᠠᠷᠡᠳᠤ ᠲᠡᠮᠳᠡᠭᠳᠤ ᠬᠠᠮᠠᠭᠠᠯᠠᠬᠤ ᠪᠦᠳᠤᠬᠡᠭᠳᠡᠬᠦᠨ ᠤ ᠲᠠᠪᠠᠭᠤᠯᠢᠭ ᠢᠶᠠᠨ ᠬᠦᠢᠴᠡᠤᠨ ᠪᠠᠳᠠᠷᠠᠭᠤᠯᠵᠥ᠂ ᠡᠯ᠎ᠡ ᠲᠦᠷᠤᠯ ᠎ ᠤᠨ ᠮᠠᠯ ᠤᠨ ᠪᠦᠳᠤᠬᠡᠭᠳᠡᠬᠦᠨ ᠢ ᠲᠠᠨᠢᠯᠴᠠᠭᠤᠯᠤᠨ ᠤᠬᠠᠭᠤᠯᠬᠤ ᠬᠤᠷᠠᠯ᠂ ᠲᠡᠯᠬᠡᠨ ᠪᠤᠷᠤᠯᠠᠭᠤᠯᠬᠤ ᠬᠤᠷᠠᠯ ᠳᠤ ᠢᠳᠡᠪᠬᠢᠳᠡᠳᠡᠢ ᠤᠷᠤᠯᠴᠠᠵᠥ᠂ ᠨᠦᠯᠤᠬᠡᠯᠡᠬᠦ ᠬᠦᠴᠤᠨ ᠲᠠᠢ ᠵᠠᠬ᠎ᠠ ᠲᠡᠯᠬᠡᠬᠦᠷ ᠶᠢᠨ ᠡᠵᠡᠩᠨᠠᠨ ᠪᠤᠷᠤᠯᠠᠭᠤᠯᠬᠤ ᠲᠠᠪᠴᠠᠩ ᠢ ᠲᠦᠰᠢᠭᠯᠡᠵᠥ᠂ ᠰᠢᠯᠢᠳᠡᠭ ᠪᠤᠬᠢᠷᠳᠤᠯ ᠦᠬᠡᠢ ᠪᠠᠶᠢᠭᠠᠯᠢᠭ ᠮᠢᠬᠠᠨ ᠢᠳᠡᠭᠡᠨ ᠤ ᠨᠡᠷᠡᠳᠦ ᠲᠡᠮᠳᠡᠭ ᠢ ᠠᠯᠳᠠᠷᠰᠢᠭᠤᠯᠦᠨ᠎ᠡ᠃ ᠡᠯᠧᠺᠲᠷᠤᠨ ᠬᠤᠳᠠᠯᠳᠤᠭᠠᠨ ᠤ ᠲᠠᠪᠴᠠᠩ ᠪᠠ ᠪᠣᠳᠠᠰ ᠤᠨ ᠭᠦᠢᠯᠭᠡᠭᠡᠨ ᠤ ᠰᠢᠰᠲ᠋ᠧᠮ ᠤᠨ ᠪᠦᠳᠤᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠥ᠂ ᠵᠢᠩ ᠳ᠋ᠦᠩ ᠬᠤᠳᠠᠯᠳᠣᠭᠠᠨ ᠤ ᠵᠡᠭᠦᠨ ᠰᠦᠨᠢᠳ ᠬᠤᠷᠰᠢᠶ᠎ᠡ ᠎ ᠶᠢᠨ ᠲᠦᠷᠦᠯ ᠵᠦᠢᠯ ᠢ ᠡᠬᠢᠯᠡᠬᠦᠯᠵᠦ᠂ ︽ᠲᠤᠤᠷ ᠰᠦᠯᠵᠢᠶ᠎ᠡ +︾ ᠡᠵᠡᠩᠨᠡᠨ ᠪᠤᠷᠤᠯᠠᠭᠤᠯᠬᠤ ᠬᠡᠯᠪᠡᠷᠢ ᠶᠢ ᠠᠰᠢᠭᠯᠠᠵᠤ᠂ ᠮᠠᠯ ᠤᠨ ᠪᠦᠲᠦᠭᠡᠭᠳᠡᠬᠦᠨ ᠢ ᠲᠤᠤᠷ ᠰᠦᠯᠵᠢᠶ᠎ᠡ ᠪᠠᠷ ᠪᠤᠷᠤᠯᠠᠭᠤᠯᠬᠤ ᠪᠠ ᠪᠤᠳᠠᠰ ᠶᠢᠨ ᠬᠦᠢᠯᠬᠡᠬᠡᠨ ᠎ ᠢᠶᠠᠷ ᠪᠤᠷᠤᠯᠠᠭᠤᠯᠠᠬᠤ ᠶᠢ ᠤᠶᠠᠯᠳᠤᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠵᠤ᠂ ᠲᠤᠮᠳᠠ ᠲᠡᠬᠡᠳᠤ ᠳᠡᠰ ᠤᠨ ᠮᠠᠯ ᠤᠨ ᠪᠦᠲᠦᠭᠡᠭᠳᠡᠬᠦᠨ ᠤ ᠬᠤᠳᠠᠯᠳᠤᠭᠠᠨ ᠤ ᠵᠠᠬ᠎ᠠ ᠳᠡᠯᠬᠡᠭᠦᠷ ᠢ ᠨᠡᠬᠡᠬᠡᠨ ᠦᠷᠬᠡᠤᠡᠬᠡᠵᠥ᠂ ᠰᠢᠯᠢᠳᠡᠭ ᠪᠦᠲᠦᠭᠡᠭᠳᠡᠬᠦᠨ ᠦᠨᠳᠦᠷ ᠦᠨ᠎ᠡ ᠬᠦᠷᠬᠦ ᠶᠢ ᠪᠠᠶᠡᠯᠡᠬᠦᠯᠤᠨ᠎ᠠ᠃     — — ᠮᠠᠯ ᠠᠵᠥ ᠠᠬᠤᠢ ᠰᠢᠨᠵᠢᠯᠡᠭᠡ ᠮᠡᠷᠬᠡᠵᠢᠯ ᠳᠤ ᠲᠦᠰᠢᠭᠯᠡᠬᠦ ᠶᠢ ᠴᠢᠩᠭᠠᠷᠠᠭᠤᠯᠤᠨ᠎ᠠ᠃ ᠰᠦᠨᠢᠤᠨ ᠬᠤᠨᠢᠨ ᠤ ᠪᠦᠳᠤᠬᠡᠭᠳᠡᠬᠦᠨ ᠢ ᠨᠡᠬᠡᠬᠡᠨ ᠬᠦᠭᠵᠢᠬᠦᠯᠬᠦ ᠰᠢᠨᠵᠢᠯᠡᠭᠡ ᠮᠡᠷᠬᠡᠵᠢᠯ ᠤᠨ ᠰᠤᠳᠤᠯᠭᠠᠨ ᠤᠨ ᠬᠦᠷᠢᠶᠡᠯᠡᠩ ᠢ ᠪᠠᠶᠢᠭᠤᠯᠵᠥ᠂ ᠰᠦᠨᠢᠤᠨ ᠬᠤᠨᠢᠨ ᠮᠢᠬᠠᠨ ᠤ ᠪᠠᠶᠢᠭᠠᠯᠢᠭ᠂ ᠪᠤᠷᠬᠢᠳᠤᠯ ᠦᠬᠡᠢ᠂ ᠤᠷᠭᠠᠨᠢᠭ ᠢᠶᠠᠷ ᠤᠷᠢᠳᠠᠯ ᠪᠤᠯᠭᠠᠨ᠂ ᠰᠢᠨᠵᠢᠯᠡᠭᠡ ᠮᠡᠷᠬᠡᠵᠢᠯ ᠤᠨ ᠰᠤᠳᠤᠯᠤᠨ ᠨᠡᠬᠡᠬᠡᠯᠳᠠ ᠶᠢᠨ ᠪᠦᠳᠤᠬᠡᠨ ᠪᠠᠶᠢᠭᠤᠯᠤᠯᠳᠠ ᠶᠢ ᠴᠢᠩᠭᠠᠤᠬᠠᠵᠥ᠂ ᠭᠤᠤᠯᠳᠠᠭᠤ ᠰᠦᠨᠢᠤᠨ ᠬᠤᠨᠢᠨ ᠤ ᠭᠧᠨ ᠶᠢᠨ ᠬᠠᠮᠠᠭᠠᠯᠠᠯᠳᠠ᠂ ᠤᠳᠤᠮᠰᠢᠯ ᠢ ᠲᠡᠬᠦᠯᠳᠡᠷᠵᠢᠬᠦᠯᠬᠦ᠂ ᠮᠢᠬᠠᠨ ᠤ ᠴᠢᠨᠠᠷ ᠢ ᠵᠠᠳᠠᠯᠤᠨ ᠬᠢᠨᠠᠨ ᠰᠢᠯᠭᠠᠬᠤ ᠵᠢᠴᠢ ᠲᠠᠭᠠᠯᠳᠠ ᠪᠦᠳᠤᠬᠡᠭᠳᠡᠬᠦᠨ ᠢ ᠨᠡᠬᠡᠬᠡᠨ ᠠᠰᠢᠭᠯᠠᠬᠤ ᠲᠠᠯ᠎ᠠ ᠳᠤ ᠰᠢᠨ᠎ᠠ ᠰᠢᠪᠳᠤᠯᠤᠯᠳᠠ ᠶᠢ ᠤᠯᠵᠤ᠂ ᠢᠳᠡᠭᠡᠨ᠂ ᠡᠷᠡᠬᠦᠯᠵᠢᠯᠡᠯ ᠤᠨ ᠪᠦᠳᠦᠭᠡᠭᠳᠡᠬᠦᠨ᠂ ᠭᠤᠶᠤᠯᠠᠯ ᠤᠨ ᠪᠦᠳᠦᠭᠡᠭᠳᠡᠬᠦᠨ ᠵᠡᠷᠭᠡ ᠠᠵᠤ ᠦᠢᠯᠡᠰ ᠢ ᠨᠡᠭᠡᠭᠡᠨ ᠬᠦᠭᠵᠢᠬᠦᠯᠬᠦ ᠳᠤ ᠰᠠᠭᠤᠷᠢ ᠲᠠᠯᠪᠢᠨ᠂ ᠬᠤᠨᠢᠨ ᠮᠢᠬᠠᠨ ᠤ ᠦᠨ᠎ᠡ ᠦᠷᠳᠡᠭ ᠢ ᠨᠡᠮᠡᠭᠳᠡᠬᠦᠯᠵᠤ᠂ ᠰᠦᠨᠢᠳ ᠬᠤᠨᠢᠨ ᠤ ᠠᠵᠤ ᠦᠢᠯᠡᠰ ᠢ ᠲᠡᠰ ᠲᠡᠪᠰᠢᠬᠦᠯᠬᠦ ᠶᠢ ᠲᠦᠷᠭᠡᠳᠭᠡᠨ᠂ ᠪᠦᠳᠦᠭᠡᠭᠳᠡᠬᠦᠨ ᠤ ᠨᠡᠮᠡᠯᠳᠡ ᠦᠷᠳᠡᠭ ᠢ ᠲᠡᠭᠡᠭᠰᠢᠯᠡᠬᠦᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ᠎ᠡ᠃ ᠮᠠᠯᠴᠢᠤᠨ ᠤᠨ ᠬᠡᠪ ᠴᠢᠨᠠᠷ ᠢ ᠲᠡᠭᠡᠭᠰᠢᠯᠡᠬᠦᠯᠬᠦ ᠢᠨᠵᠧᠨᠧᠷᠢᠩ ᠢ ᠰᠠᠶᠢᠳᠤᠷ ᠬᠡᠷᠩᠵᠢᠬᠦᠯᠵᠥ᠂ ᠮᠠᠯᠴᠢᠤᠨ ᠲᠤ ᠮᠠᠯᠵᠢᠬᠤ ᠤᠷᠤᠨ ᠤ ᠬᠡᠷᠩᠯᠡᠬᠡᠨ ᠤ ᠮᠡᠷᠬᠡᠵᠢᠯ ᠢ ᠲᠦᠬᠡᠮᠡᠯᠵᠢᠬᠦᠯᠬᠦ᠂ ᠬᠡᠷ ᠪᠦᠯᠢ ᠶᠢᠨ ᠲᠠᠩᠰᠠ ᠪᠤᠳᠤᠵᠥ ᠤᠷᠤᠯᠭ᠎ᠠ ᠵᠠᠷᠤᠯᠭ᠎ᠠ ᠪᠠᠨ ᠵᠤᠬᠢᠴᠠᠭᠤᠯᠬᠤ᠂ ᠪᠤᠯᠪᠠᠰᠤᠨ ᠠᠮᠢᠳᠤᠷᠠᠯ ᠤᠨ ᠤᠬᠠᠭᠠᠨ ᠵᠡᠷᠬᠡ ᠮᠡᠳᠡᠯᠬᠡ ᠮᠡᠷᠬᠡᠵᠢᠯ ᠤᠨ ᠪᠤᠯᠪᠠᠰᠤᠷᠠᠯ ᠢ ᠬᠠᠨᠳᠤᠯᠭᠠᠳᠤ ᠴᠢᠨᠠᠷᠳᠡᠢ ᠦᠷᠨᠢᠬᠦᠯᠤᠨ᠎ᠠ᠃ ᠮᠠᠯ ᠠᠵᠥ ᠠᠬᠤᠢ ᠶᠢᠨ ᠰᠢᠨᠵᠢᠯᠡᠭᠡ ᠮᠡᠷᠬᠡᠵᠢᠯ ᠤᠨ ᠬᠦᠮᠤᠰ ᠲᠤ ᠲᠤᠰᠬᠠᠢ ᠠᠵᠢᠯ ᠤᠨ ᠮᠡᠳᠡᠯᠬᠡ ᠰᠢᠨᠡᠤᠨᠬᠡᠬᠦ ᠪᠤᠯᠪᠠᠰᠤᠷᠠᠯ ᠬᠦᠷᠳᠡᠬᠡᠬᠦ ᠪᠠ ᠮᠠᠯᠵᠢᠬᠤ ᠤᠷᠤᠨ ᠤ ᠴᠢᠳᠠᠪᠤᠷᠢᠳᠠᠨ ᠢ ᠬᠦᠮᠤᠵᠢᠬᠦᠯᠬᠦ ᠠᠵᠢᠯ ᠢ ᠦᠷᠬᠦᠯᠵᠢᠯᠠᠨ ᠴᠢᠩᠭᠠᠤᠠᠬᠠᠵᠥ᠂ ᠰᠢᠨᠵᠢᠯᠡᠭᠡ ᠮᠡᠷᠬᠡᠵᠢᠯ ᠢᠶᠠᠷ ᠲᠠᠭᠠᠭᠤᠯᠤᠨ ᠵᠢᠯᠤᠭᠤᠤᠠᠬᠤ ᠪᠠ ᠰᠢᠨᠵᠢᠯᠡᠭᠡ ᠮᠡᠷᠬᠡᠵᠢᠯ ᠤᠨ ᠦᠢᠯᠡᠴᠢᠯᠡᠭᠡ ᠶᠢᠨ ᠦᠢᠯᠡᠳᠤᠯ ᠢ ᠦᠨᠡᠡᠬᠦ ᠪᠠᠳᠠᠷᠠᠭᠤᠯᠤᠨ᠎ᠠ᠃ ᠰᠦᠨᠢᠤᠨ ᠮᠢᠬᠠᠨ ᠢᠳᠡᠭᠡᠨ ᠢ ᠨᠠᠷᠢᠯᠢᠭ ᠡᠳ᠋ᠰᠢᠬᠦᠯᠤᠨ ᠪᠣᠯᠪᠠᠰᠣᠷᠠᠭᠤᠯᠬᠤ ᠲᠣᠭᠤᠷᠢᠭ ᠤᠨ ᠭᠤᠷᠪᠠᠳᠣᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ ᠲᠤᠭᠤᠷᠢᠭ ᠲᠤ ᠤᠷᠤᠭᠰᠠᠨ 6 ᠠᠵᠥ ᠠᠬᠤᠶᠢᠯᠠᠯ ᠤᠨ ᠠᠵᠦ ᠦᠢᠯᠡᠰ ᠤᠨ ᠬᠡᠯᠬᠢᠶᠡᠵᠢᠯᠡᠯ ᠢ ᠣᠷᠳᠣᠳᠬᠠᠬᠤ ᠶᠢ ᠵᠤᠷᠢᠭᠵᠢᠭᠤᠯᠵᠦ᠂ ᠦᠨᠤ ᠵᠢᠯ 100 ᠲᠦᠮᠠᠨ ᠬᠤᠨᠢᠴᠢᠯᠠᠭᠰᠠᠨ ᠨᠢᠬᠡᠴᠢ ᠮᠠᠯ ᠢ ᠡᠳ᠋ᠰᠢᠬᠦᠯᠤᠨ ᠪᠣᠯᠪᠠᠰᠣᠷᠠᠭᠤᠯᠵᠥ᠂ ᠡᠬᠦᠨᠳᠤ 50 ᠲᠦᠮᠠᠨ ᠬᠤᠨᠢᠴᠢᠯᠠᠭᠰᠠᠨ ᠨᠢᠬᠡᠴᠢ ᠮᠠᠯ ᠢ ᠨᠠᠷᠢᠯᠢᠭ ᠡᠳ᠋ᠰᠢᠬᠦᠯᠤᠨ ᠪᠣᠯᠪᠠᠰᠣᠷᠠᠭᠤᠯᠤᠨ᠎ᠠ᠃ ᠠᠮᠢᠳᠤ ᠪᠤᠳᠠᠰ ᠤᠨ ᠬᠢᠮᠢ ᠎ ᠶᠢᠨ ᠠᠵᠥ ᠠᠬᠤᠶᠢᠯᠠᠯ ᠢ ᠢᠳᠡᠪᠬᠢᠳᠡᠢ ᠪᠠᠷ ᠤᠷᠢᠨ ᠤᠷᠤᠭᠤᠯᠵᠥ᠂ ᠰᠢᠨ᠎ᠠ ᠪᠦᠳᠤᠬᠡᠭᠳᠡᠬᠦᠨ ᠢ ᠨᠡᠬᠡᠬᠡᠨ ᠬᠦᠭᠵᠢᠬᠦᠯᠵᠥ᠂ ᠰᠢᠨ᠎ᠠ ᠠᠵᠥ ᠦᠢᠯᠡᠰ ᠢ ᠦᠷᠬᠡᠤᠡᠬᠡᠨ᠎ᠠ᠃     ᠬᠤᠶᠡᠷ᠂ ᠰᠢᠨ᠎ᠠ ᠬᠡᠯᠪᠡᠷᠢ ᠶᠢᠨ ᠠᠵᠥ ᠦᠢᠯᠡᠤᠨᠪᠤᠷᠢ ᠶᠢ ᠰᠢᠯᠢᠳᠡᠭᠵᠢᠬᠦᠯᠤᠨ ᠪᠤᠵᠠᠭᠠᠶᠢᠷᠠᠭᠤᠯᠤᠨ᠎ᠠ᠃ ᠠᠷᠠᠯᠵᠢᠶᠠᠴᠢᠨ ᠤᠷᠢᠵᠥ ᠪᠠᠯᠨ ᠤᠷᠤᠭᠤᠯᠬᠤ ᠪᠠᠷ ᠬᠦᠳᠡᠯᠬᠡᠭᠴᠢ ᠬᠦᠴᠤ ᠪᠤᠯᠭᠠᠬᠤ᠂ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠪᠠᠷ ᠭᠤᠤᠯᠳᠠᠯᠠᠭ᠎ᠠ ᠪᠤᠯᠭᠠᠬᠤ᠂ ᠠᠵᠥ ᠠᠬᠤᠢ ᠶᠢᠨ ᠲᠤᠭᠤᠷᠢᠭ ᠶᠢ ᠪᠠᠶᠢᠭᠤᠯᠬᠤ ᠪᠠᠷ ᠲᠠᠪᠴᠠᠩ ᠪᠤᠯᠭᠠᠬᠤ ᠶᠢ ᠪᠠᠷᠢᠮᠳᠠᠯᠠᠵᠥ᠂ ᠭᠤᠤᠯᠯᠠᠭᠴᠢ ᠠᠵᠥ ᠠᠬᠤᠶᠢᠯᠠᠯ ᠢ ᠰᠠᠭᠤᠷᠢᠰᠢᠭᠤᠯᠬᠤ ᠶᠢ ᠲᠠᠰᠤᠷᠠᠯᠳᠠ ᠦᠬᠡᠢ ᠲᠦᠷᠬᠡᠤᠡᠬᠡᠵᠥ᠂ ᠠᠵᠥ ᠦᠢᠯᠡᠰ ᠤᠨ ᠪᠦᠯᠤᠭ᠍ᠯᠡᠯ ᠢ ᠪᠤᠵᠠᠭᠠᠶᠢᠷᠠᠭᠤᠯᠵᠥ᠂ ᠠᠵᠥ ᠦᠢᠯᠡᠤᠨᠪᠤᠷᠢ ᠶᠢᠨ ᠠᠵᠥ ᠠᠬᠤᠢ ᠰᠢᠨ᠎ᠠ ᠬᠡᠪ ᠪᠠᠶᠢᠳᠠᠯ ᠲᠤᠤᠷ᠎ᠡ ᠲᠤᠭᠳᠠᠭᠤᠨ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃     — — ᠭᠤᠤᠯᠳᠠᠯᠠᠭ᠎ᠠ ᠲᠠᠢ ᠲᠦᠷᠤᠯ ᠵᠦᠢᠯ ᠢ ᠪᠦᠳᠤᠬᠡᠨ ᠪᠠᠶᠢᠭᠤᠯᠬᠤ ᠶᠢ ᠲᠦᠷᠬᠡᠤᠠᠬᠡᠨ᠎ᠠ᠃ ᠦᠨᠤ ᠵᠢᠯ 8 ᠲᠦᠷᠤᠯ ᠤᠨ ᠠᠵᠦ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠲᠣᠬᠢᠷᠠᠭᠤᠯᠵᠦ᠂ 18 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠳᠠ ᠶᠢ ᠪᠠᠶᠡᠯᠡᠬᠦᠯᠤᠨ᠎ᠠ᠃ ᠲᠦᠯᠬᠢᠨ ᠠᠬᠢᠭᠤᠯᠬᠤ ᠲᠦᠷᠤᠯ ᠵᠦᠢᠯ ᠤᠨ ᠪᠡᠯᠡᠳᠭᠡᠯ ᠠᠵᠢᠯ ᠢ ᠰᠠᠶᠢᠳᠤᠷ ᠠᠤᠠᠬᠤᠵᠥ᠂ ᠦᠷᠨᠢᠯᠳᠦ ᠶᠢᠨ ᠵᠢᠯ ᠳᠤ 100 ᠲᠦᠮᠡᠨ ᠲᠣᠨ ᠲᠡᠮᠦᠷᠯᠢᠭ ᠰᠤᠩᠭᠤᠨ ᠪᠤᠯᠪᠠᠰᠤᠷᠠᠭᠤᠯᠬᠤ ᠲᠦᠷᠦᠯ ᠵᠦᠢᠯ ᠤᠨ ᠭᠠᠷ ᠭᠦᠢᠴᠡᠳᠬᠡᠯ ᠢ ᠪᠦᠷᠢᠨᠰᠢᠭᠦᠯᠵᠥ᠂ ᠭᠠᠷᠤᠯᠳᠠ ᠭᠠᠷᠭᠠᠬᠤ ᠬᠡᠮᠵᠢᠶᠠᠨ ᠎ ᠳᠤ ᠬᠦᠷᠬᠡᠬᠦ ᠪᠠᠷ ᠢᠳᠡᠪᠬᠢᠳᠡᠢ ᠲᠡᠮᠠᠴᠠᠵᠥ᠂ ᠵᠢᠯ ᠤᠨ ᠲᠤᠳᠤᠷ᠎ᠠ ᠠᠵᠢᠯ ᠢᠶᠠᠨ ᠡᠬᠢᠯᠡᠬᠦᠯᠬᠦ ᠪᠠᠷ ᠴᠢᠷᠮᠠᠶᠢᠨ᠎ᠠ᠃ ᠡᠷᠢᠶᠡᠨ ᠬᠤᠳ᠋ᠨ ᠶᠢᠨ ᠰᠢᠨᠡᠳᠴᠦ ᠪᠤᠯᠬᠤᠶᠢᠴᠨ ᠡᠨᠧᠷᠬᠢ ᠶᠢᠨ ᠪᠢᠴᠢᠯ ᠴᠠᠬᠢᠯᠭᠠᠨ ᠲᠣᠣᠷ ︵ᠰᠦᠨᠢᠤᠨ ᠵᠡᠬᠦᠨ ᠬᠤᠰᠢᠭᠤᠨ ᠤ︶᠎ ᠤᠨ ᠵᠢᠱᠢᠶᠡᠴᠢ ᠲᠦᠷᠦᠯ ᠵᠦᠢᠯ᠂ ᠮᠡᠩᠯᠡᠢ ᠨᠠᠬᠦᠷᠠᠰᠤᠨ ᠢᠯᠴᠢ ᠪᠠᠷ ᠴᠠᠬᠢᠯᠭᠠᠨ ᠭᠠᠷᠭᠠᠬᠤ ᠲᠦᠷᠤᠯ ᠵᠦᠢᠯ ᠪᠠ ᠣᠯᠣᠰ ᠤᠨ ᠴᠠᠬᠢᠯᠭᠠᠨ ᠤ ᠺᠧ ᠬᠤᠸᠠᠨ 20 ᠲᠦᠮᠡᠨ ᠺᠢᠯᠣᠸᠠᠲ ᠶᠢᠨ ᠰᠠᠯᠬᠢᠨ ᠭᠦᠴᠦᠨ ᠤ ᠴᠠᠬᠢᠯᠭᠠᠨ ᠭᠠᠷᠭᠠᠬᠤ ᠲᠠᠯᠠᠪᠤᠷ᠂ ᠪᠧᠢ ᠴᠧ 30 ᠲᠦᠮᠡᠨ ᠺᠢᠯᠣᠸᠠᠲ ᠶᠢᠨ ᠰᠠᠯᠬᠢᠨ ᠭᠦᠴᠦᠨ ᠪᠠᠷ ᠴᠠᠬᠢᠯᠭᠠᠨ ᠭᠠᠷᠭᠠᠬᠤ  ᠲᠠᠯᠠᠪᠤᠷ ᠵᠡᠷᠭᠡ 6 ᠰᠢᠨ᠎ᠡ ᠡᠨᠧᠷᠬᠢ ᠶᠢᠨ ᠲᠦᠷᠦᠯ ᠵᠦᠢᠯ ᠤᠨ ᠪᠡᠯᠡᠳᠬᠡᠯ ᠠᠵᠢᠯ ᠢ ᠲᠦᠷᠭᠡᠳᠬᠡᠵᠦ᠂ ᠵᠢᠯ ᠤᠨ ᠲᠣᠳᠣᠷ᠎ᠠ ᠡᠬᠢᠯᠡᠨ ᠪᠠᠶᠢᠭᠤᠯᠬᠤ ᠪᠠᠷ ᠴᠢᠷᠮᠠᠶᠢᠨ᠎ᠠ᠃ ᠪᠠᠶᠢᠭᠤᠯᠵᠥ ᠪᠠᠶᠢᠭ᠎ᠠ ᠲᠦᠷᠤᠯ ᠵᠦᠢᠯ ᠤᠨ ᠠᠵᠢᠯ ᠤᠨ ᠠᠬᠢᠴᠠ ᠶᠢ ᠰᠠᠶᠢᠳᠤᠷ ᠠᠤᠠᠬᠤᠵᠥ᠂ ᠳ᠋ᠠ ᠲᠠᠩ ᠳ᠋ᠢᠩ ᠸᠠᠩ ᠪᠦᠯᠦᠭᠯᠡᠯ ᠤᠨ ᠵᠢᠯ ᠳᠤ 70 ᠲᠦᠮᠡᠨ ᠲᠣᠨ ᠠᠽᠣᠲ ᠎ ᠶᠢᠨ ᠬᠦᠴᠢᠯ ᠤᠨ ᠠᠮᠮᠦᠨᠢ ᠪᠠ ᠠᠽᠤᠲ ᠶᠢᠨ ᠨᠡᠶᠢᠯᠡᠮᠡᠯ ᠪᠤᠷᠳᠤᠭᠤᠷ ᠦᠢᠯᠡᠳᠪᠦᠷᠢᠯᠡᠬᠦ ᠲᠦᠷᠦᠯ ᠵᠦᠢᠯ ᠢ ᠪᠦᠬᠦ ᠬᠦᠴᠤᠨ ᠢᠶᠠᠷ ᠲᠦᠯᠬᠢᠨ ᠠᠬᠢᠭᠤᠯᠵᠥ᠂ ᠠᠵᠥ ᠠᠬᠤᠶᠢᠯᠠᠯ ᠲᠠᠢ ᠢᠳᠡᠪᠬᠢᠳᠡᠳᠡᠢ ᠬᠠᠮᠵᠢᠯᠴᠠᠨ ᠤᠯᠤᠰ ᠤᠨ ᠲᠦᠷᠤᠯ ᠵᠦᠢᠯ ᠤᠨ ᠪᠦᠳᠤᠬᠡᠨ ᠪᠠᠶᠢᠭᠤᠯᠬᠤ ᠰᠠᠭᠤᠷᠢ ᠮᠦᠩᠬᠦ ᠶᠢ ᠲᠠᠮᠡᠴᠠᠨ ᠤᠯᠵᠥ᠂ ᠠᠶᠢᠮᠠᠭ ᠤᠨ ᠪᠡᠯᠨ ᠮᠦᠩᠬᠦ ᠴᠤᠭᠯᠠᠭᠤᠯᠬᠤ ᠲᠠᠪᠴᠠᠩ ᠲᠠᠢ ᠬᠤᠯᠪᠤᠯᠳᠠᠭᠤᠯᠬᠤ ᠠᠵᠢᠯ ᠢ ᠲᠦᠷᠬᠡᠤᠠᠬᠡᠵᠥ᠂ 4 ᠰᠠᠷ᠎ᠡ ᠳᠤ ᠠᠵᠢᠯ ᠢᠶᠠᠨ ᠡᠬᠢᠯᠡᠬᠦᠯᠬᠦ ᠪᠠᠷ ᠴᠢᠷᠮᠠᠶᠢᠵᠥ᠂ ᠦᠨᠤ ᠵᠢᠯ ᠠᠰᠢᠭᠯᠠᠯᠳᠠ ᠳᠤ ᠤᠷᠤᠭᠤᠯᠤᠨ᠎ᠠ᠃ ᠪᠥᠸᠧ ᠶᠠᠩ ᠨᠠᠷᠠ ᠰᠠᠯᠬᠢᠨ ᠤ ᠬᠠᠷᠢᠯᠴᠠᠨ ᠨᠦᠬᠦᠪᠤᠷᠢᠯᠡᠬᠦ ᠴᠠᠬᠢᠯᠭᠠᠨ ᠭᠠᠷᠭᠠᠬᠤ ᠲᠦᠭᠦᠭᠡᠷᠦᠮᠵᠢ ᠶᠢᠨ ᠲᠦᠷᠦᠯ ᠵᠦᠢᠯ ᠤᠨ ᠭᠠᠷ ᠭᠦᠢᠴᠡᠳᠬᠡᠯ ᠢᠶᠠᠨ ᠪᠦᠷᠢᠨᠰᠢᠭᠦᠯᠬᠦ ᠠᠵᠢᠯ ᠢ ᠱᠠᠯᠠᠪᠳᠤᠨ ᠱᠠᠭᠠᠷᠳᠠᠵᠥ᠂ ᠲᠡᠬᠡᠷ᠎ᠡ ᠬᠠᠭᠠᠰ ᠵᠢᠯ ᠳᠤ ᠠᠰᠢᠭᠯᠠᠯᠳᠠ ᠳᠤ ᠤᠷᠤᠭᠤᠯᠤᠨ᠎ᠠ᠃ ᠪᠠᠶ᠋ᠬᠠᠭᠤᠯᠠ ᠤᠨ ᠦᠷᠠᠨ ᠤ ᠲᠦᠷᠤᠯ ᠵᠦᠢᠯ ᠢ ᠲᠡᠮᠵᠢᠨ ᠭᠠᠷ ᠭᠦᠢᠴᠡᠳᠬᠡᠯ ᠢ ᠪᠦᠷᠢᠨᠰᠢᠭᠦᠯᠬᠦ ᠠᠵᠢᠯ ᠤᠨ ᠠᠬᠢᠴᠠ ᠎ ᠶᠢ ᠲᠦᠯᠬᠢᠨ ᠠᠬᠢᠭᠤᠯᠵᠥ᠂ ᠦᠨᠤ ᠵᠢᠯ ᠠᠰᠢᠭᠯᠠᠯᠳᠠ ᠳᠤ ᠤᠷᠤᠭᠤᠯᠤᠨ᠎ᠠ᠃ ᠪᠦᠬᠦ ᠠᠶᠢᠮᠠᠭ ᠤᠨ ᠣᠨᠴᠠ ᠦᠨᠳᠦᠷ ᠭᠦᠴᠦᠳᠡᠯᠳᠦ ᠴᠠᠬᠢᠯᠭᠠᠨ ᠢ ᠭᠠᠳᠠᠭᠰᠢ ᠭᠦᠷᠭᠡᠬᠦ ᠪᠦᠳᠦᠭᠡᠨ ᠪᠠᠶᠢᠭᠤᠯᠣᠯᠳᠠ ᠶᠢᠨ ᠠᠵᠠ ᠲᠣᠬᠢᠶᠠᠯ ᠢ ᠰᠠᠶᠢᠳᠦᠷ ᠠᠳᠬᠤᠵᠦ᠂ ᠨᠠᠷᠠ ᠰᠠᠯᠬᠢᠨ ᠢᠶᠠᠷ ᠴᠠᠬᠢᠯᠭᠠᠨ ᠭᠠᠷᠭᠠᠵᠤ ᠲᠠᠮᠵᠢᠭᠤᠯᠤᠨ ᠬᠦᠷᠭᠡᠬᠦ ᠤᠷᠤᠨ ᠲᠤᠭ᠎ᠠ ᠶᠢ ᠢᠳᠡᠪᠬᠢᠳᠡᠢ ᠲᠡᠮᠡᠴᠡᠨ ᠣᠯᠵᠦ᠂ ᠬᠤᠸᠠᠨ ᠰᠢᠨ 5 ᠲᠦᠮᠡᠨ ᠺᠢᠯᠣᠸᠠᠲ ᠶᠢᠨ ᠦᠨᠳᠤᠷ ᠠᠰᠢᠭᠲᠦ ᠭᠡᠷᠡᠯ ᠤᠨ ᠨᠡᠶᠢᠯᠡᠯᠭᠡ ᠪᠠᠷ ᠴᠠᠬᠢᠯᠭᠠᠨ ᠭᠠᠷᠭᠠᠬᠤ ᠲᠦᠷᠦᠯ ᠵᠦᠢᠯ᠂ ᠳ᠋ᠠ ᠲᠠᠩ ᠰᠢᠨ᠎ᠡ ᠡᠨᠧᠷᠬᠢ ᠶᠢᠨ 3 ᠲᠦᠮᠡᠨ ᠺᠢᠯᠣᠸᠠᠲ ᠶᠢᠨ ᠰᠠᠯᠬᠢᠨ ᠭᠦᠴᠦᠨ ᠤ ᠴᠠᠬᠢᠯᠭᠠᠨ ᠭᠠᠷᠭᠠᠬᠤ ᠲᠦᠷᠦᠯ ᠵᠦᠢᠯ ᠢ ᠵᠢᠯ ᠤᠨ ᠲᠣᠳᠣᠷ᠎ᠠ ᠴᠠᠬᠢᠯᠭᠠᠨ ᠭᠠᠷᠭᠠᠵᠦ ᠠᠰᠢᠭᠯᠠᠯᠳᠠ ᠳᠤ ᠣᠷᠣᠭᠤᠯᠣᠨ᠎ᠠ᠃ ᠠᠰᠢᠭᠯᠠᠯᠳᠠ ᠳᠤ ᠤᠷᠤᠭᠰᠠᠨ ᠲᠦᠷᠤᠯ ᠵᠦᠢᠯ ᠤᠨ ᠦᠢᠯᠡᠤᠠᠪᠤᠷᠢᠯᠠᠯ ᠢ ᠠᠤᠠᠬᠤᠵᠥ᠂ ᠮᠠᠩᠯᠡᠢ ᠨᠠᠬᠦᠷᠡᠰᠤᠨ ᠠᠭᠤᠷᠬᠠᠢ ᠶᠢᠨ ᠪᠤᠷᠤᠯᠠᠭᠤᠯᠤᠯᠳᠠ ᠶᠢᠨ ᠠᠷᠭ᠎ᠠ ᠵᠠᠮ ᠶᠢ ᠦᠷᠬᠡᠤᠡᠬᠡᠬᠦ ᠳᠤ ᠢᠳᠡᠪᠬᠢᠳᠡᠢ ᠬᠠᠪᠰᠤᠷᠴᠥ᠂ ᠲᠤᠭᠳᠠᠭᠤᠨ ᠢᠶᠠᠷ ᠦᠯᠡᠤᠨᠪᠤᠷᠢᠯᠡᠬᠦᠯᠤᠨ᠎ᠠ᠃ ᠶᠢᠨ ᠵᠦᠩ ᠠᠭᠤᠷᠬᠠᠢ ᠶᠢᠨ ᠦᠢᠯᠡᠰ ᠢ 4 ᠰᠠᠷ᠎ᠡ ᠳᠤ ᠠᠵᠢᠯ ᠢᠶᠠᠨ ᠡᠬᠢᠯᠡᠬᠦᠯᠤᠨ ᠦᠢᠯᠡᠤᠨᠪᠤᠷᠢᠯᠡᠬᠦ ᠶᠢ ᠱᠠᠯᠠᠪᠳᠤᠨ ᠱᠠᠭᠠᠷᠳᠠᠨ᠎ᠠ᠃ 6 ᠮᠢᠬᠠᠨ ᠢᠳᠡᠬᠡᠨ ᠤ ᠠᠵᠥ ᠠᠬᠤᠶᠢᠯᠠᠯ ᠤᠨ ᠦᠢᠯᠡᠤᠨᠪᠤᠷᠢᠯᠠᠯ ᠢ ᠰᠠᠶᠢᠳᠤᠷ ᠠᠤᠠᠬᠤᠵᠥ᠂ ᠵᠢᠯ ᠤᠨ ᠦᠢᠯᠡᠤᠪᠤᠷᠢᠯᠡᠬᠦ ᠡᠬᠦᠷᠬᠡ ᠪᠠᠨ ᠪᠠᠶᠡᠯᠡᠬᠦᠯᠤᠨ᠎ᠠ᠃     — — ᠠᠵᠥ ᠦᠢᠯᠡᠤᠨᠪᠤᠷᠢ ᠶᠢᠨ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠵᠠᠬ᠎ᠠ ᠲᠡᠯᠬᠡᠬᠦᠷᠵᠢᠯᠳᠠ ᠶᠢᠨ ᠵᠠᠷᠴᠢᠮ ᠶᠤᠰᠤᠭᠠᠷ᠂ ᠤᠯᠠᠨ  ᠡᠰᠢᠵᠢᠬᠦᠯᠤᠭ᠍ᠰᠡᠨ ᠪᠡᠯᠨ ᠮᠦᠩᠬᠦ ᠴᠤᠭᠯᠠᠭᠤᠯᠬᠤ ᠵᠤᠬᠢᠴᠠᠮᠵᠢ ᠪᠠᠶᠢᠭᠤᠯᠬᠤ ᠶᠢ ᠢᠳᠡᠪᠬᠢᠳᠡᠢ ᠡᠷᠢᠯᠬᠢᠯᠠᠵᠥ᠂ ᠪᠠᠯᠨ ᠤᠷᠤᠭᠤᠯᠤᠯᠳᠠ ᠶᠢᠨ ᠬᠡᠯᠪᠡᠷᠢ ᠢᠶᠠᠨ ᠰᠢᠨᠡᠤᠡᠬᠡᠵᠥ᠂ ᠲᠤᠭᠤᠷᠢᠭ ᠤᠨ ᠰᠠᠭᠤᠷᠢ ᠲᠦᠬᠦᠬᠡᠷᠤᠮᠵᠢ ᠪᠠᠨ ᠦᠷᠬᠦᠯᠵᠢᠯᠠᠨ ᠲᠡᠬᠦᠯᠳᠡᠷᠵᠢᠬᠦᠯᠵᠤ᠂ ᠰᠢᠨ᠎ᠠ ᠪᠠᠷ 1 ᠰᠠᠭᠤᠷᠢ ᠤᠰᠤ ᠬᠠᠩᠭᠠᠬᠤ ᠦᠢᠯᠡᠤᠠᠪᠤᠷᠢ ᠪᠠᠶᠢᠭᠤᠯᠵᠥ᠂ ᠦᠯᠡᠳᠡᠭᠰᠡᠨ ᠵᠠᠮ ᠪᠠ ᠤᠰᠤ ᠬᠠᠩᠭᠠᠬᠤ᠂ ᠪᠤᠵᠡᠷ ᠤᠰᠤ ᠭᠠᠳᠠᠭᠰᠢᠯᠠᠭᠤᠯᠬᠤ ᠬᠤᠭᠤᠯᠡᠢ ᠶᠢᠨ ᠢᠡᠵᠧᠨᠧᠷᠢᠩ ᠢ ᠲᠠᠭᠤᠰᠠᠬᠠᠨ᠎ᠠ᠃ ᠡᠬᠦᠨ ᠤ ᠬᠠᠮᠳᠤ᠂ ᠭᠤᠤᠯᠯᠠᠭᠴᠢ ᠠᠵᠥ ᠠᠬᠤᠶᠢᠯᠠᠯ ᠢ ᠶᠡᠬᠡᠪᠡᠷ ᠪᠦᠢᠵᠢᠭᠤᠯᠵᠥ᠂ ᠪᠦᠬᠦ ᠠᠶᠢᠮᠠᠭ ᠤᠨ ᠤᠮᠠᠷᠠᠳᠤ ᠶᠢᠨ ᠨᠡᠬᠡᠬᠡᠯᠳᠠ ᠶᠢ ᠲᠦᠯᠬᠢᠨ ᠠᠬᠢᠭᠤᠯᠬᠤ ᠪᠠ ᠡᠷᠢᠶᠠᠨ ᠬᠤᠳᠠ ᠶᠢᠨ ᠴᠢᠯᠤᠬᠡᠳᠡᠢ ᠨᠡᠬᠡᠬᠡᠨ ᠬᠦᠭᠵᠢᠬᠦᠯᠬᠦ ᠲᠤᠷᠰᠢᠯᠳᠠ ᠶᠢᠨ ᠤᠷᠤᠨ ᠤ ᠲᠠᠪᠠᠭᠤᠯᠢᠭ ᠲᠤ ᠲᠦᠰᠢᠭᠯᠡᠵᠥ᠂ ᠮᠡᠩᠯᠡᠢ ᠤᠷᠴᠢᠯ ᠠᠵᠥ ᠠᠬᠤᠢ ᠶᠢᠨ ᠠᠵᠥ ᠦᠢᠯᠡᠰ ᠤᠨ ᠲᠤᠭᠤᠷᠢᠭ ᠲᠤ ᠭᠠᠶᠢᠯᠢ ᠪᠠᠳᠤᠯᠠᠬᠤ ᠬᠦᠮᠤᠷᠬᠡ ᠪᠠᠶᠢᠭᠤᠯᠬᠤ ᠪᠠᠷ ᠲᠡᠮᠡᠴᠠᠨ᠎ᠠ᠃ ᠠᠷᠠᠯᠵᠢᠶᠠᠴᠢᠨ ᠤᠷᠢᠵᠥ ᠪᠠᠯᠨ ᠤᠷᠤᠭᠤᠯᠬᠤ ᠬᠦᠴᠣᠯᠡᠴᠠ ᠪᠠᠨ ᠴᠢᠩᠭᠠᠤᠬᠠᠵᠥ᠂ ᠴᠢᠯᠠᠭᠤᠨ ᠲᠣᠰᠣ ᠪᠠ ᠨᠡᠭᠦᠷᠡᠰᠦ ᠶᠢ ᠣᠯᠠᠷᠢᠨ ᠬᠤᠪᠢᠰᠬᠠᠬᠤ᠂ ᠦᠩᠭᠡᠳᠦ ᠲᠡᠮᠦᠷᠯᠢᠭ ᠢ ᠪᠣᠯᠪᠠᠰᠣᠷᠠᠭᠤᠯᠬᠤ᠂ ᠲᠣᠨᠤᠭ ᠲᠦᠭᠦᠭᠡᠷᠦᠮᠵᠢ ᠶᠢ ᠦᠢᠯᠡᠳᠬᠦ ᠵᠡᠷᠭᠡ ᠲᠦᠷᠦᠯ ᠵᠦᠢᠯ ᠢ ᠢᠳᠡᠪᠬᠢᠳᠡᠢ ᠣᠷᠢᠨ ᠣᠷᠣᠭᠤᠯᠣᠨ᠂ ᠠᠵᠦ ᠦᠢᠯᠡᠤᠠᠪᠤᠷᠢ ᠶᠢᠨ ᠲᠣᠭᠤᠷᠢᠭ ᠤᠨ ᠲᠦᠪᠯᠡᠷᠡᠭᠰᠡᠨ ᠡᠷᠴᠢᠮᠵᠢᠭᠰᠡᠨ ᠭᠦᠭᠵᠢᠯᠳᠡ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠵᠥ᠂ ᠠᠵᠥ ᠦᠢᠯᠡᠤᠨᠪᠤᠷᠢ ᠶᠢᠨ ᠲᠤᠭᠤᠷᠢᠭ ᠶᠢ ᠰᠢᠯᠢᠳᠡᠭᠵᠢᠬᠦᠯᠤᠨ ᠪᠤᠵᠠᠭᠠᠶᠢᠷᠠᠭᠤᠯᠤᠨ᠎ᠠ᠃     — — ᠡᠬᠢ ᠪᠠᠶᠠᠯᠢᠭ ᠢ ᠬᠤᠪᠢᠷᠠᠭᠤᠯᠤᠨ ᠠᠰᠢᠭᠯᠠᠬᠤ ᠶᠢ ᠲᠦᠷᠬᠡᠤᠬᠡᠨ᠎ᠡ᠃ ᠠᠮᠢ ᠠᠬᠤᠢ ᠶᠢᠨ ᠬᠠᠮᠠᠭᠠᠯᠠᠯᠳᠠ ᠎ ᠶᠢᠨ ᠬᠤᠷᠢᠭᠠᠳᠤ ᠱᠤᠭᠤᠮ ᠢ ᠴᠢᠩᠭ᠎ᠠ ᠰᠠᠬᠢᠭᠰᠠᠨ ᠤᠷᠢᠳᠠᠯ ᠲᠤᠤᠷ᠎ᠡ᠂ ᠡᠬᠢ ᠪᠠᠶᠠᠯᠢᠭ ᠢ ᠨᠡᠬᠡᠬᠡᠨ ᠠᠰᠢᠭᠯᠠᠬᠤ ᠶᠢ ᠬᠦᠴᠤᠯᠠᠴᠠ ᠪᠠᠨ ᠶᠡᠬᠡᠪᠡᠷ ᠴᠢᠩᠭᠠᠤᠬᠠᠵᠥ᠂ ᠵᠢᠯ ᠤᠨ ᠲᠤᠳᠤᠷ᠎ᠡ ᠸᠤᠯᠪᠷᠡᠮ᠂ ᠮᠤᠯᠢᠪᠳᠧᠨ᠂ ᠦᠷᠡᠨ ᠵᠡᠷᠬᠡ ᠠᠭᠤᠷᠬᠠᠢ ᠶᠢᠨ ᠲᠦᠷᠤᠯ ᠢ ᠨᠡᠬᠡᠬᠡᠨ ᠠᠰᠢᠭᠯᠠᠬᠤ ᠲᠠᠯ᠎ᠠ ᠪᠠᠷ ᠰᠢᠨ᠎ᠠ ᠦᠷ᠎ᠡ ᠪᠦᠳᠤᠬᠡᠯ ᠭᠠᠷᠭᠠᠨ᠎ᠠ᠃ ᠠᠭᠤᠷᠬᠠᠢ ᠎ ᠶᠢᠨ ᠭᠠᠷᠤᠯᠳᠠ ᠶᠢᠨ ᠡᠬᠢ ᠪᠠᠶᠠᠯᠢᠭ ᠶᠢᠨ ᠡᠮᠬᠢ ᠲᠢᠭᠯᠢᠮ ᠢ ᠴᠡᠭᠴᠠᠯᠠᠨ ᠲᠦᠷᠢᠮᠵᠢᠬᠦᠯᠵᠥ᠂ ᠪᠦᠬᠦ ᠠᠶᠢᠮᠠᠭ ᠤᠨ ︽2015᠎ ᠠᠴᠠ 2017 ᠤᠨ ᠬᠦᠷᠳᠡᠯᠡᠬᠢ ᠠᠭᠤᠷᠬᠠᠢ ᠶᠢᠨ ᠦᠢᠯᠡᠰ ᠤᠨ ᠡᠷᠬᠡ ᠶᠢ ᠭᠤᠷᠪᠡᠨ ᠵᠢᠯ ᠳᠤ 40% ᠎ ᠪᠠᠷ ᠨᠢᠬᠡᠤᠠᠬᠡᠨ ᠪᠠᠭᠠᠰᠬᠬᠤ︾ ᠬᠠᠷᠠᠯᠳᠠ ᠶᠢᠨ ᠶᠤᠰᠤᠭᠠᠷ᠂ ᠵᠦᠪᠬᠡᠨ ᠡᠵᠡᠯᠡᠵᠥ ᠬᠠᠶᠢᠬᠤ ᠦᠬᠡᠢ᠂ ᠬᠠᠶᠢᠭᠰᠠᠨ ᠴᠤ ᠢᠷᠡᠬᠡᠳᠤᠢ ᠦᠬᠡᠢ᠂ ᠤᠷᠴᠢᠨ ᠲᠤᠭᠤᠷᠢᠨ ᠶᠢ ᠬᠦᠨᠳᠤ ᠨᠤᠴᠢᠳᠡᠢ ᠪᠤᠬᠢᠷᠳᠤᠭᠤᠯᠤᠭᠰᠠᠨ ᠠᠰᠠᠭᠤᠳᠠᠯ ᠤᠷᠤᠰᠢᠵᠥ ᠪᠠᠶᠢᠭ᠎ᠠ ᠠᠭᠤᠷᠬᠠᠢ ᠶᠢᠨ ᠠᠵᠥ ᠠᠬᠤᠶᠢᠯᠠᠯ ᠢ ᠴᠡᠪᠡᠷᠯᠡᠨ ᠴᠡᠭᠴᠡᠯᠡᠬᠦ ᠪᠡ ᠬᠤᠷᠢᠭᠯᠠᠨ ᠵᠤᠭᠰᠤᠭᠠᠵᠥ᠂ ᠠᠭᠤᠷᠬᠠᠢ ᠎ ᠶᠢᠨ ᠦᠢᠯᠡᠰ ᠢ ᠨᠡᠬᠡᠬᠡᠨ ᠬᠦᠭᠵᠢᠬᠦᠯᠬᠦ ᠠᠵᠢᠯ ᠢ ᠰᠢᠨᠵᠢᠯᠡᠭᠡ ᠮᠡᠷᠬᠡᠵᠢᠯ ᠤᠨ ᠱᠠᠭᠠᠷᠳᠠᠯᠭ᠎ᠠ ᠦᠨᠳᠤᠷ᠂ ᠠᠵᠥ ᠠᠬᠤᠢ ᠎ ᠶᠢᠨ ᠦᠷ᠎ᠡ ᠠᠰᠢᠭ ᠰᠠᠶᠢᠨ᠂ ᠡᠬᠢ ᠪᠠᠶᠠᠯᠢᠭ ᠢ ᠠᠰᠢᠭᠯᠠᠬᠤ ᠨᠤᠷᠮ᠎ᠠ ᠦᠨᠳᠤᠷ᠂ ᠤᠷᠴᠢᠨ ᠲᠤᠭᠤᠷᠢᠨ ᠤ ᠪᠤᠬᠢᠷᠳᠤᠯ ᠪᠠᠭ᠎ᠠ᠂ ᠡᠬᠢ ᠪᠠᠶᠠᠯᠢᠭ ᠤᠨ ᠲᠠᠪᠠᠭᠤᠯᠢᠭ ᠪᠠᠨ ᠬᠦᠢᠴᠡᠤᠨ ᠪᠠᠳᠠᠷᠠᠭᠤᠯᠬᠤ ᠰᠢᠨ᠎ᠠ ᠵᠠᠮ ᠢᠶᠠᠷ ᠵᠠᠮᠨᠠᠭᠤᠯᠬᠤ ᠶᠢ ᠲᠦᠯᠬᠢᠨ ᠠᠬᠢᠭᠤᠯᠤᠨ᠎ᠠ᠃     ᠭᠤᠷᠪᠡ᠂ ᠦᠢᠯᠡᠴᠢᠯᠡᠬᠡᠨ ᠤ ᠦᠢᠯᠡᠰ ᠢ ᠰᠢᠯᠢᠳᠡᠭᠵᠢᠬᠦᠯᠤᠨ ᠪᠤᠵᠠᠭᠠᠶᠢᠷᠠᠭᠤᠯᠤᠨ᠎ᠠ᠃ ᠠᠵᠥ ᠦᠢᠯᠡᠰ ᠢᠶᠠᠷ ᠲᠠᠶᠢᠴᠢᠯᠠᠨ ᠲᠠᠭᠠᠭᠤᠯᠬᠤ᠂ ᠵᠠᠬ᠎ᠠ ᠲᠡᠯᠬᠡᠬᠦᠷ ᠢᠶᠠᠷ ᠬᠦᠳᠤᠯᠤᠨ ᠲᠠᠭᠠᠭᠤᠯᠬᠤ᠂ ᠵᠠᠰᠠᠭ ᠤᠨ ᠤᠷᠳᠤᠨ ᠠᠴᠠ ᠲᠦᠯᠬᠢᠨ ᠠᠬᠢᠭᠤᠯᠬᠤ ᠪᠠᠷ ᠠᠷᠭ᠎ᠠ ᠠᠪᠴᠠᠯ ᠪᠣᠯᠭᠠᠵᠦ᠂ ᠰᠤᠶᠤᠯ ᠵᠢᠭᠤᠴᠢᠯᠠᠯ᠂ ᠵᠠᠮ ᠬᠠᠷᠢᠯᠴᠠᠭ᠎ᠠ ᠪᠤᠳᠠᠰ ᠤᠨ ᠬᠦᠢᠯᠬᠡᠬᠡ᠂ ᠡᠯᠧᠺᠲᠷᠤᠨ ᠬᠤᠳᠠᠯᠳᠤᠭ᠎ᠠ ᠵᠡᠷᠬᠡ ᠠᠵᠥ ᠦᠢᠯᠡᠰ ᠤᠨ ᠬᠦᠭᠵᠢᠯᠳᠠ ᠶᠢ ᠪᠦᠬᠦ ᠬᠦᠴᠤᠨ ᠢᠶᠠᠷ ᠲᠦᠯᠬᠢᠨ ᠠᠬᠢᠭᠤᠯᠤᠨ᠎ᠠ᠃     — — ᠰᠣᠶᠣᠯ ᠵᠢᠭᠤᠴᠢᠯᠠᠯ ᠤᠨ ᠠᠵᠦ ᠦᠢᠯᠡᠰ ᠢ ᠲᠣᠪᠣᠶᠢᠯᠭᠠᠨ ᠭᠦᠭᠵᠢᠭᠦᠯᠦᠨ᠎ᠡ᠃ ᠤᠯᠤᠰ ᠤᠨ ︽ᠨᠢᠭᠡ ᠪᠦᠰᠨ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ ᠤᠮᠠᠷᠠᠰᠢ ᠨᠡᠭᠡᠭᠡᠨ ᠬᠦᠭᠵᠢᠬᠦᠯᠬᠦ ᠶᠢ ᠲᠦᠷᠭᠡᠳᠭᠡᠬᠦ ᠠᠵᠠ ᠲᠤᠬᠢᠶᠠᠯ ᠢ ᠠᠳᠬᠤᠵᠤ᠂ ᠮᠤᠩᠭᠤᠯ ᠤᠯᠤᠰ ᠯᠤᠭ᠎ᠠ ᠶᠢᠨ ᠰᠤᠷᠭᠠᠨ ᠬᠦᠮᠦᠵᠢᠯ᠂ ᠡᠮ ᠡᠮᠨᠡᠯᠭᠡ ᠂ ᠰᠤᠶᠤᠯ ᠵᠢᠭᠤᠴᠢᠯᠠᠯ᠂ ᠦᠨᠳᠦᠰᠦᠳᠡᠨ ᠤ ᠪᠡᠶ᠎ᠡ ᠲᠠᠮᠢᠷ ᠪᠠ ᠠᠷᠠᠯᠵᠢᠶ᠎ᠠ ᠬᠤᠳᠠᠯᠳᠤᠭᠠᠨ ᠤ ᠶᠠᠪᠤᠯᠴᠠᠭ᠎ᠠ ᠵᠡᠷᠭᠡ ᠬᠦᠷᠢᠶ᠎ᠡ ᠬᠡᠪᠴᠢᠶᠡᠨ ᠤ ᠬᠠᠮᠳᠤᠷᠠᠯᠴᠠᠭ᠎ᠠ ᠶᠢ ᠴᠢᠩᠭᠠᠳᠬᠠᠵᠤ᠂ ᠮᠤᠩᠭᠤᠯ ᠤᠯᠤᠰ ᠤᠨ ᠲᠤᠷᠤᠨᠠᠭᠤᠪᠢ ᠠᠶᠢᠮᠠᠭ ᠲᠠᠢ ᠤᠯᠠᠷᠢᠯ ᠤᠨ ᠴᠢᠨᠠᠷᠳᠠᠢ ᠬᠢᠯᠢ ᠠᠯᠤᠰᠯᠠᠭᠰᠠᠨ ᠵᠢᠭᠤᠴᠢᠯᠠᠯ ᠤᠨ ᠱᠤᠭᠤᠮ ᠤᠨ ᠪᠦᠳᠦᠭᠡᠨ ᠪᠠᠶᠢᠭᠤᠯᠤᠯᠳᠠ ᠶᠢᠨ ᠪᠡᠯᠡᠳᠭᠡᠯ ᠠᠵᠢᠯ ᠢ ᠠᠬᠢᠭᠤᠯᠤᠨ᠎ᠠ᠃ ᠦᠪᠦᠷ ᠮᠤᠩᠭᠤᠯ ᠤᠨ ᠰᠦᠨᠢᠳ ᠵᠡᠬᠦᠨ ᠬᠤᠰᠢᠭᠤᠨ ᠤ ᠦᠪᠡᠷᠳᠡᠭᠡᠨ ᠵᠠᠰᠠᠬᠤ ᠤᠷᠤᠨ ᠤ ᠳᠡᠰ ᠤᠨ ᠭᠠᠵᠠᠷ ᠰᠢᠨᠵᠢᠯᠡᠬᠡᠨ ᠤ ᠭᠦᠷᠢᠶᠡᠯᠡᠩ᠂ ᠬᠠᠨ᠎ᠠ ᠬᠠᠳᠠ᠂ ᠷᠠᠰᠢᠶᠠᠨ ︵ᠡᠮᠳᠦ ᠪᠤᠯᠠᠭ︶᠂ ᠠᠪᠤᠷᠭᠤ ᠬᠦᠷᠪᠡᠯ ᠤᠨ ᠴᠢᠯᠠᠭᠤᠵᠢᠮᠠᠯ ᠤᠨ ᠭᠠᠵᠠᠷ ᠵᠡᠷᠭᠡ ᠵᠢᠭᠤᠴᠢᠯᠠᠯ ᠤᠨ ᠳᠦᠷᠦᠯ ᠵᠦᠢᠯ ᠢ ᠨᠡᠭᠡᠭᠡᠨ ᠬᠦᠭᠵᠢᠬᠦᠯᠬᠦ ᠳᠦᠰᠦᠪ ᠪᠠ ᠰᠠᠭᠤᠷᠢ ᠪᠦᠳᠦᠬᠡᠨ ᠪᠠᠶᠢᠭᠤᠯᠤᠯᠳᠠ ᠶᠢᠨ ᠠᠵᠢᠯ ᠢ ᠰᠠᠶᠢᠳᠦᠷ ᠠᠳᠬᠤᠨ᠎ᠠ᠃ ᠣᠷᠣᠨ ᠤ ᠲᠡᠰ ᠤᠨ ᠪᠠ ᠠᠶᠢᠮᠠᠭ ᠤᠨ ᠲᠡᠰ ᠤᠨ ᠰᠣᠶᠣᠯ ᠤᠨ ᠦᠢᠯᠡᠰ ᠤᠨ ᠰᠠᠭᠤᠷᠢᠨ ᠭᠠᠵᠠᠷ ᠢ ᠢᠳᠡᠪᠬᠢᠲᠠᠢ ᠮᠡᠳᠡᠭᠦᠯᠦᠨ᠂ ᠰᠤᠶᠤᠯ ᠎ ᠤᠨ ᠦᠢᠯᠡᠳᠪᠦᠷᠢᠯᠡᠯ ᠤᠨ ᠳᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠰᠠᠶᠢᠳᠦᠷ ᠠᠳᠬᠤᠵᠦ᠂ ᠦᠨᠳᠦᠰᠦᠳᠡᠨ ᠤ ᠬᠤᠪᠴᠠᠰᠦ ᠵᠠᠰᠠᠯ᠂ ᠭᠠᠷ ᠤᠷᠠᠯᠠᠯ ᠤᠨ ᠪᠦᠳᠦᠭᠡᠭᠳᠡᠬᠦᠨ ᠢ ᠦᠢᠯᠡᠳᠪᠦᠷᠢᠯᠡᠬᠦ ᠪᠠ ᠦᠨᠳᠦᠰᠦᠳᠡᠨ ᠤ ᠦᠪᠡᠷᠮᠢᠴᠡ ᠤᠨᠴᠠᠯᠢᠭ ᠲᠠᠢ ᠰᠤᠶᠤᠯ ᠤᠨ ᠵᠠᠬ᠎ᠠ ᠳᠡᠯᠭᠡᠭᠦᠷ ᠢ ᠡᠭᠦᠳᠦᠨ ᠪᠠᠶᠢᠭᠤᠯᠤᠨ᠎ᠠ᠃ ᠠᠷᠠᠳ ᠤᠨ ᠳᠤᠮᠳᠠᠬᠢ ᠬᠠᠴᠢᠨ ᠴᠢᠯᠠᠭᠤᠨ ᠤ ᠡᠬᠢ ᠪᠠᠶᠠᠯᠢᠭ ᠤᠨ ᠨᠡᠭᠡᠭᠡᠯᠳᠡ ᠶᠢᠨ ᠠᠵᠢᠯ ᠢ ᠬᠦᠨᠵᠡᠬᠡᠶᠢᠷᠡᠬᠦᠯᠵᠦ᠂ ︽ᠲᠣᠮᠳᠠᠳᠦ ᠣᠯᠣᠰ ᠤᠨ ᠣᠮᠠᠷᠠᠳᠦ ᠣᠷᠣᠨ ᠤ ᠬᠠᠴᠢᠨ ᠴᠢᠯᠠᠭᠤᠨ ᠤ ᠦᠯᠦᠭᠡᠢ︾᠎ ᠶᠢᠨ ᠮᠡᠳᠡᠭᠦᠯᠦᠯᠳᠡ ᠶᠢᠨ ᠠᠵᠢᠯ ᠢ ᠰᠠᠶᠢᠳᠦᠷ ᠬᠢᠵᠦ᠂ ᠬᠠᠴᠢᠨ ᠴᠢᠯᠠᠭᠤᠨ ᠤ ᠠᠵᠦ ᠦᠢᠯᠡᠰ ᠢ ᠭᠦᠭᠵᠢᠭᠦᠯᠦᠨ᠎ᠡ᠃     — — ᠵᠠᠮ ᠨᠡᠪᠳᠡᠷᠡᠬᠦᠯᠬᠡ ᠪᠤᠳᠠᠰ ᠤᠨ ᠭᠦᠢᠯᠭᠡᠭᠡᠨ ᠤ ᠦᠢᠯᠡᠰ ᠢ ᠭᠤᠣᠯᠳᠠᠯᠭ᠎ᠠ ᠲᠠᠢ ᠭᠦᠭᠵᠢᠭᠦᠯᠦᠨ᠎ᠡ᠃ ᠰᠢᠯᠢᠩᠬᠤᠲᠡ ᠠᠴᠠ ᠡᠷᠢᠶᠡᠨ ᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠪᠤᠯᠤᠨ ᠤᠯᠤᠰ ᠤᠨ ᠳᠡᠰ ᠎ ᠤᠨ ᠵᠠᠰᠠᠮᠠᠯ ᠵᠠᠮ G331 ᠱᠤᠭᠤᠮ ᠳᠤ ᠲᠦᠰᠢᠭᠯᠡᠵᠦ᠂ ᠰᠢᠨ ᠶᠤᠸᠠᠨ ᠪᠣᠳᠠᠰ ᠤᠨ ᠭᠦᠢᠯᠭᠡᠭᠡᠨ ᠤ ᠲᠣᠭᠤᠷᠢᠭ ᠎ ᠤᠨ ᠢᠨᠵᠧᠨᠧᠷᠢᠩ ᠤᠨ ᠪᠦᠳᠦᠭᠡᠨ ᠪᠠᠶᠢᠭᠤᠯᠣᠯᠳᠠ ᠶᠢ ᠦᠷᠭᠦᠯᠵᠢᠯᠡᠨ ᠲᠦᠯᠬᠢᠨ ᠠᠬᠢᠭᠤᠯᠣᠨ᠂ ᠳᠠᠭᠠᠭᠤᠯᠤᠭᠴᠢ ᠦᠢᠯᠡᠳᠦᠯ ᠲᠠᠢ ᠳᠤᠮᠤ ᠪᠤᠳᠠᠰ ᠤᠨ ᠬᠦᠢᠯᠬᠡᠬᠡᠨ ᠤ ᠠᠵᠤ ᠠᠬᠤᠶᠢᠯᠠᠯ ᠢ ᠢᠳᠡᠪᠬᠢᠲᠠᠢ ᠤᠷᠢᠨ ᠤᠷᠤᠭᠤᠯᠵᠤ᠂ ᠠᠭᠤᠷᠬᠠᠢ ᠶᠢᠨ ᠭᠠᠷᠤᠯᠳᠠ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ᠂ ᠡᠪᠡᠰᠦ ᠪᠣᠷᠳᠤᠭ᠎ᠠ ᠪᠠ ᠡᠳᠤᠷ ᠳᠤᠲᠤᠮ ᠤᠨ ᠬᠡᠷᠡᠭᠯᠡᠭᠡᠨ ᠤ ᠵᠦᠢᠯᠡᠰ ᠵᠡᠷᠭᠡ ᠲᠡᠭᠡᠭᠡᠪᠦᠷᠢ ᠶᠢᠨ ᠪᠦᠳᠦᠭᠡᠭᠳᠡᠭᠦᠨ ᠤ ᠲᠣᠭᠤᠷᠢᠨ ᠳᠤ᠂ ᠠᠷᠠᠯᠵᠢᠶ᠎ᠡ ᠬᠤᠳᠠᠯᠳᠤᠭ᠎ᠠ ᠪᠣᠳᠠᠰ ᠤᠨ ᠭᠦᠢᠯᠭᠡᠭᠡ ᠵᠢᠴᠢ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠰᠤᠯᠢᠯᠴᠠᠭᠠᠨ ᠤ ᠵᠠᠬ᠎ᠠ ᠲᠡᠯᠭᠡᠭᠦᠷ ᠤᠨ ᠲᠦᠪ ᠢ ᠭᠤᠤᠯᠳᠠᠯᠭ᠎ᠠ ᠲᠠᠢ ᠪᠠᠶᠢᠭᠤᠯᠵᠤ᠂ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠦᠢᠯᠡᠴᠢᠯᠡᠬᠡᠨ ᠤ ᠦᠢᠯᠡᠰ ᠤᠨ ᠬᠡᠪᠴᠢᠶᠡᠵᠢᠭᠰᠡᠨ᠂ ᠡᠷᠴᠢᠮᠵᠢᠭᠰᠡᠨ ᠬᠦᠭᠵᠢᠯᠳᠡ ᠶᠢ ᠳᠦᠯᠬᠢᠨ ᠠᠬᠢᠭᠤᠯᠣᠨ᠎ᠠ᠃ ᠮᠠᠯᠵᠢᠬᠤ ᠤᠷᠤᠨ ᠤ ᠪᠤᠳᠠᠰ ᠤᠨ ᠬᠦᠢᠯᠬᠡᠬᠡᠨ ᠤ ᠳᠤᠤᠷ ᠰᠦᠯᠵᠢᠶ᠎ᠠ ᠶᠢᠨ ᠪᠦᠳᠦᠬᠡᠨ ᠪᠠᠶᠢᠭᠤᠯᠤᠯᠳᠠ ᠶᠢ ᠳᠦᠷᠭᠡᠳᠬᠡᠵᠦ᠂ ᠬᠤᠯᠪᠤᠭᠠᠳᠦ ᠡᠵᠡᠩᠨᠡᠯᠳᠡ᠂ ᠲᠠᠸᠠᠷ ᠬᠦᠷᠬᠡᠬᠦ᠂ ᠡᠯᠧᠺᠲᠷᠤᠨ ᠬᠤᠳᠠᠯᠳᠤᠭ᠎ᠠ ᠵᠡᠷᠬᠡ ᠤᠳᠤᠬᠢᠴᠢᠯᠠᠭᠰᠠᠨ ᠪᠤᠳᠠᠰ ᠤᠨ ᠬᠦᠢᠯᠬᠡᠬᠡᠨ ᠤ ᠬᠡᠯᠪᠡᠷᠢ ᠶᠢ ᠮᠠᠯᠵᠢᠬᠤ ᠤᠷᠤᠨ ᠵᠦᠭ ᠬᠦᠨᠵᠡᠬᠡᠶᠢᠷᠡᠬᠦᠯᠬᠦ ᠶᠢ ᠵᠤᠷᠢᠭᠵᠢᠭᠤᠯᠤᠨ᠎ᠠ᠃ ᠡᠭᠦᠨ ᠤ ᠬᠠᠮᠳᠦ ᠲᠦᠷᠭᠡᠨ ᠭᠦᠷᠬᠡᠬᠦ ᠠᠵᠦ ᠠᠬᠤᠶᠢᠯᠠᠯ ᠤᠨ ᠭᠦᠭᠵᠢᠯᠳᠡ ᠶᠢ ᠲᠡᠮᠵᠢᠵᠦ᠂ ᠪᠤᠳᠠᠰ ᠤᠨ ᠬᠦᠢᠯᠭᠡᠭᠡᠨ ᠤ ᠰᠢᠰᠲ᠋ᠧᠮ ᠢ ᠣᠯᠠᠮ ᠨᠢᠭᠡ ᠠᠯᠬᠤᠮ ᠪᠦᠷᠢᠨᠰᠢᠭᠦᠯᠦᠨ᠎ᠡ᠃     — — ᠰᠢᠨ᠎ᠡ ᠬᠡᠯᠪᠡᠷᠢ ᠶᠢᠨ ᠦᠢᠯᠡᠴᠢᠯᠡᠬᠡᠨ ᠤ ᠦᠢᠯᠡᠰ ᠢ ᠲᠦᠷᠬᠡᠳᠬᠡᠨ ᠭᠦᠭᠵᠢᠭᠦᠯᠦᠨ᠎ᠡ᠃ ᠨᠠᠰᠣᠵᠢᠯ ᠤᠨ ᠦᠢᠯᠡᠴᠢᠯᠡᠭᠡᠨ ᠤ ᠦᠢᠯᠡᠰ ᠤᠨ ᠭᠦᠭᠵᠢᠯᠳᠡ ᠶᠢ ᠶᠡᠭᠡ ᠪᠠᠷ ᠭᠦᠭᠵᠢᠭᠦᠯᠵᠦ᠂ ᠵᠠᠰᠠᠭ ᠤᠨ ᠣᠷᠳᠣᠨ ᠤ ᠨᠡᠶᠢᠳᠡ ᠶᠢᠨ ᠦᠢᠯᠡᠴᠢᠯᠡᠭᠡ ᠪᠠ ᠨᠡᠶᠢᠭᠡᠮ ᠤᠨ ᠦᠢᠯᠡᠴᠢᠯᠡᠭᠡ ᠶᠢ ᠬᠠᠮᠳᠣᠳᠬᠠᠭᠰᠠᠨ᠂ ᠵᠠᠬ᠎ᠠ ᠲᠡᠯᠭᠡᠭᠦᠷᠴᠢᠯᠡᠭᠰᠡᠨ ᠨᠠᠰᠣᠵᠢᠯ ᠤᠨ ᠦᠢᠯᠡᠴᠢᠯᠡᠭᠡᠨ ᠤ ᠰᠢᠨ᠎ᠡ ᠬᠡᠯᠪᠡᠷᠢ ᠶᠢ ᠡᠭᠦᠳᠦᠨ  ᠪᠠᠶᠢᠭᠤᠯᠤᠨ᠎ᠠ᠃ ᠮᠠᠯᠵᠢᠬᠤ ᠤᠷᠤᠨ ᠤ ᠶᠡᠷᠦᠩᠬᠡᠶᠢᠯᠡᠭᠰᠡᠨ ᠨᠠᠰᠤᠳᠠᠶᠢᠴᠤᠳ ᠤᠨ ᠦᠢᠯᠡᠴᠢᠯᠡᠭᠡᠨ ᠤ ᠳᠦᠪ ᠪᠠ ᠵᠡᠮᠳᠡᠭᠴᠣᠳ ᠤᠨ ᠠᠰᠠᠷᠠᠮᠵᠢ ᠶᠢᠨ ᠲᠦᠪ ᠶᠢ ᠲᠤᠰᠪᠤᠷᠢ ᠨᠢᠬᠡ  ᠪᠠᠶᠢᠭᠤᠯᠵᠦ᠂  ᠡᠷᠡᠬᠦᠯ ᠬᠠᠮᠠᠭᠠᠯᠠᠯ ᠤᠨ ᠨᠠᠰᠣᠵᠢᠯ ᠤᠨ ᠦᠢᠯᠡᠴᠢᠯᠡᠭᠡᠨ ᠤ ᠠᠵᠦ ᠦᠢᠯᠡᠰ ᠢ ᠦᠷᠭᠡᠳᠬᠡᠨ ᠭᠦᠭᠵᠢᠭᠦᠯᠦᠨ᠎ᠡ᠃ ᠲᠣᠣᠷ ᠰᠦᠯᠵᠢᠶ᠎ᠡ᠂ ᠡᠯᠧᠺᠲᠷᠤᠨ ᠠᠷᠠᠯᠵᠢᠶᠠᠨ ᠤ ᠮᠠᠯᠵᠢᠬᠤ ᠣᠷᠣᠨ ᠢ ᠪᠦᠷᠬᠦᠬᠦ ᠬᠡᠮᠵᠢᠶ᠎ᠡ ᠶᠢ ᠦᠷᠭᠡᠳᠬᠡᠵᠦ᠂ ᠮᠠᠯᠵᠢᠬᠤ ᠣᠷᠣᠨ ᠤ ᠭᠡᠷᠡᠭᠯᠡᠭᠡᠨ ᠤ ᠨᠢᠭᠤᠭᠳᠠᠮᠠᠯ ᠭᠦᠴᠦᠨ ᠢ ᠢᠯᠡᠷᠡᠭᠦᠯᠦᠨ᠎ᠡ᠃ ᠡᠯ᠎ᠡ ᠵᠦᠢᠯ ᠤᠨ ᠠᠰᠢᠭᠲᠠᠢ ᠲᠡᠮᠵᠢᠯᠳᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠦ᠂ ᠦᠢᠯᠡᠰ ᠪᠣᠰᠬᠠᠬᠤ ᠲᠣᠭᠤᠷᠢᠭ ᠎ ᠤᠨ ᠲᠠᠪᠴᠠᠩ ᠢ ᠠᠰᠢᠭᠯᠠᠨ᠂ ᠬᠤᠳᠠ ᠣᠷᠣᠭᠰᠠᠨ ᠮᠠᠯᠴᠢᠳ᠂ ᠶᠡᠭᠡ ᠰᠣᠷᠭᠠᠭᠤᠯᠢ ᠶᠢᠨ ᠣᠶᠣᠳᠠᠳ ᠵᠢᠴᠢ ᠣᠷᠣᠨ ᠨᠣᠳᠤᠭ ᠤᠨ ᠠᠵᠦ ᠠᠬᠤᠶᠢᠯᠠᠯ ᠤᠨ ᠮᠢᠬᠠᠨ ᠢᠳᠡᠭᠡ᠂ ᠴᠠᠭᠠᠨ ᠢᠳᠡᠭᠡ᠂ ᠦᠨᠳᠦᠰᠦᠳᠡᠨ ᠤ ᠭᠠᠷ ᠣᠷᠠᠯᠢᠭ᠂ ᠦᠨᠳᠦᠰᠦᠳᠡᠨ ᠤ ᠬᠤᠪᠴᠠᠰᠦ ᠵᠠᠰᠠᠯ ᠵᠡᠷᠭᠡ ᠭᠠᠵᠠᠷ ᠣᠷᠣᠨ ᠤ ᠦᠪᠡᠷᠮᠢᠴᠡ ᠣᠨᠴᠠᠯᠢᠭ ᠲᠠᠢ ᠰᠦᠯᠵᠢᠶᠡᠨ ᠬᠤᠷᠰᠢᠶ᠎ᠠ ᠪᠠᠶᠢᠭᠤᠯᠬᠤ ᠶᠢ ᠲᠡᠮᠵᠢᠵᠦ᠂ ᠦᠨᠳᠦᠰᠦᠳᠡᠨ ᠤ ᠣᠨᠴᠠᠯᠢᠭ ᠲᠠᠢ ᠡᠯᠧᠺᠲᠷᠤᠨ ᠬᠤᠳᠠᠯᠳᠣᠭᠠᠨ ᠤ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠎ᠡ᠃ ᠨᠡᠶᠢᠭᠡᠮ ᠤᠨ ᠪᠡᠯᠡ ᠮᠦᠩᠬᠦ ᠶᠢᠨ ᠰᠣᠶᠣᠯ ᠰᠣᠷᠭᠠᠨ ᠭᠦᠮᠦᠵᠢᠯ᠂ ᠡᠷᠡᠭᠦᠯ ᠨᠠᠰᠣᠵᠢᠯ᠂ ᠮᠦᠩᠬᠦᠨ ᠭᠦᠢᠯᠭᠡᠭᠡ᠂ ᠲᠠᠭᠠᠳᠬᠠᠯ ᠵᠡᠷᠭᠡ ᠦᠢᠯᠡᠴᠢᠯᠡᠬᠡᠨ ᠤ ᠦᠢᠯᠡᠰ ᠤᠨ ᠬᠦᠷᠢᠶ᠎ᠡ ᠬᠡᠪᠴᠢᠶᠡᠨ ᠳᠤ ᠣᠷᠣᠬᠤ ᠶᠢ ᠵᠣᠷᠢᠭᠵᠢᠭᠤᠯᠵᠦ᠂ ᠰᠣᠶᠣᠯ ᠲᠠᠮᠢᠷ᠂ ᠨᠠᠶᠢᠷ ᠨᠠᠭᠠᠳᠣᠮ᠂ ᠬᠡᠷ ᠤᠨ ᠪᠦᠯᠢ ᠠᠵᠢᠯ ᠤᠨ ᠦᠢᠯᠡᠴᠢᠯᠡᠭᠡ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ ᠭᠦᠭᠵᠢᠭᠦᠯᠵᠦ᠂ ᠭᠡᠷᠡᠭᠯᠡᠭᠡᠨ ᠤ ᠪᠦᠳᠣᠴᠠ ᠎ ᠶᠢᠨ ᠲᠡᠰ ᠨᠡᠮᠡᠭᠳᠡᠬᠦ ᠶᠢ ᠠᠬᠢᠭᠤᠯᠣᠨ᠎ᠠ᠃     ︵ᠬᠤᠶᠠᠷ︶ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢ ᠨᠢᠭᠡᠳᠦᠯᠲᠠᠢ ᠲᠦᠯᠦᠪᠯᠡᠵᠦ᠂ ᠭᠦᠭᠵᠢᠯᠳᠡ ᠎ ᠶᠢᠨ ᠲᠤᠳᠠᠮᠠᠭ ᠢ ᠣᠯᠠᠮ ᠨᠢᠭᠡ ᠠᠯᠬᠤᠮ ᠨᠦᠬᠦᠪᠤᠷᠢᠯᠡᠨ᠎ᠠ᠃ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢ ᠲᠦᠯᠬᠢᠨ ᠠᠬᠢᠭᠤᠯᠬᠤ ᠪᠠᠷ ᠭᠦᠳᠡᠯᠭᠡᠴᠢ ᠭᠦᠴᠦᠨ ᠪᠣᠯᠭᠠᠵᠦ᠂ ᠬᠤᠳᠠ ᠬᠦᠳᠡᠭᠡ ᠶᠢᠨ ᠨᠢᠬᠡ ᠴᠤᠭᠴᠠᠴᠢᠯᠠᠯᠳᠠ ᠤᠨ ᠠᠬᠢᠴᠠ ᠶᠢ ᠲᠦᠷᠭᠡᠳᠭᠡᠵᠦ᠂ ᠬᠤᠳᠠ ᠭᠦᠳᠡᠭᠡ ᠶᠢᠨ ᠵᠣᠬᠢᠴᠠᠩᠭᠤᠢ ᠭᠦᠭᠵᠢᠯᠳᠡ᠂ ᠪᠠᠶᠢᠭᠠᠯᠢᠭ ᠭᠦᠭᠵᠢᠯᠳᠡ ᠶᠢ ᠠᠬᠢᠭᠤᠯᠣᠨ᠎ᠠ᠃     — — ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠣᠯᠳᠠ ᠶᠢ ᠴᠢᠩᠭᠠᠳᠬᠠᠨ᠎ᠠ᠃ ᠣᠯᠣᠰ ᠤᠨ ᠣᠮᠠᠷᠠᠳᠦ ᠣᠷᠣᠨ ᠤ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠮᠢ ᠠᠬᠤᠢ ᠶᠢᠨ ᠬᠤᠷᠢᠭ᠎ᠠ ᠱᠣᠭᠤᠮ ᠤᠨ ᠳᠦᠷᠢᠮ ᠢ ᠴᠢᠩᠭ᠎ᠠ ᠰᠠᠬᠢᠨ᠂ ᠮᠠᠯ ᠪᠡᠯᠴᠢᠭᠡᠷ ᠤᠨ ᠳᠡᠩᠴᠡᠭᠦᠷᠢᠰᠢᠯ ᠪᠠ ︽ᠭᠤᠷᠪᠠᠨ ᠮᠠᠯᠵᠢᠯ︾᠎ ᠤᠨ ᠳᠦᠷᠢᠮ ᠢ ᠴᠢᠩᠭ᠎ᠠ ᠭᠡᠷᠡᠭᠵᠢᠬᠦᠯᠵᠦ᠂ ᠬᠤᠶᠠᠳᠤᠭᠠᠷ ᠡᠬᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠎ ᠶᠢᠨ ᠬᠠᠮᠠᠭᠠᠯᠠᠯᠲᠠ ᠶᠢᠨ ᠨᠦᠬᠦᠪᠦᠷᠢᠯᠡᠨ ᠱᠠᠩᠨᠠᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠣᠷᠢᠵᠢᠭᠤᠯᠣᠨ᠎ᠠ᠃ ᠨᠤᠳᠤᠭ ᠪᠡᠯᠴᠢᠭᠡᠷ ᠤᠨ ᠬᠦᠳᠡᠯᠦᠩᠭᠦᠢ ᠬᠢᠨᠠᠵᠦ ᠬᠡᠮᠵᠢᠬᠦ ᠰᠢᠰᠲ᠋ᠧᠮ ᠢ ᠳᠡᠭᠦᠯᠳᠡᠷᠵᠢᠬᠦᠯᠵᠦ᠂ ᠰᠢᠨᠵᠢᠯᠡᠬᠦ ᠤᠬᠠᠭᠠᠨᠴᠢ ᠎ ᠪᠠᠷ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠠ ᠶᠢ ᠳᠤᠭᠳᠠᠭᠠᠵᠤ᠂ ᠳᠠᠯ᠎ᠠ ᠨᠤᠳᠤᠭ ᠢ ᠬᠤᠬᠢᠷᠠᠭᠤᠯᠬᠤ ᠡᠵᠡᠩᠨᠡᠯᠳᠡ ᠎ ᠶᠢ ᠡᠷᠡᠰ ᠴᠠᠭᠠᠵᠢᠯᠠᠨ᠎ᠠ᠃ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠪᠦᠳᠦᠭᠡᠨ ᠪᠠᠶᠢᠭᠤᠯᠣᠯᠳᠠ ᠶᠢᠨ ᠲᠣᠷᠰᠢᠯᠳᠠ ᠶᠢᠨ ᠴᠡᠭ ᠤᠨ ᠠᠵᠢᠯ ᠢ ᠲᠦᠯᠬᠢᠨ ᠠᠬᠢᠭᠤᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠭᠦᠷᠦᠩᠬᠡ ᠶᠢ ᠬᠢᠨᠠᠨ ᠪᠣᠳᠣᠬᠤ ᠭᠦᠰᠦᠨᠦᠭᠳᠦ ᠶᠢ ᠨᠠᠶᠢᠷᠠᠭᠤᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ︽ᠡᠰᠡᠷᠬᠦ ᠲᠠᠯ᠎ᠠ ᠎ ᠶᠢᠨ ᠬᠠᠭᠤᠳᠠᠰᠦ︾᠎ ᠶᠢ ᠪᠠᠶᠢᠭᠤᠯᠵᠦ᠂ ᠲᠣᠰᠢᠶᠠᠯ ᠠᠴᠠ ᠪᠠᠭᠤᠭᠰᠠᠨ ᠤ ᠲᠠᠷᠠᠭᠠᠬᠢ ᠪᠠᠶᠢᠭᠠᠯᠢ ᠶᠢᠨ ᠡᠬᠢ ᠪᠠᠶᠠᠯᠢᠭ ᠡᠳ᠋ ᠭᠦᠷᠦᠩᠭᠡ ᠶᠢ ᠬᠢᠨᠠᠨ ᠪᠣᠳᠣᠬᠤ ᠪᠠ ᠣᠷᠴᠢᠨ ᠲᠣᠭᠤᠷᠢᠨ ᠢ ᠬᠤᠬᠢᠷᠠᠭᠤᠯᠣᠭᠰᠠᠨ ᠠᠯᠳᠠᠭ᠎ᠠ ᠪᠣᠷᠣᠭᠤ ᠶᠢᠨ ᠬᠠᠷᠢᠭᠤᠴᠠᠯᠭ᠎ᠠ ᠨᠡᠬᠡᠮᠵᠢᠯᠡᠭᠦ ᠲᠦᠷᠢᠮ ᠨᠠᠶᠢᠳᠠᠪᠣᠷᠢᠵᠢᠭᠤᠯᠵᠦ᠂ ᠠᠮᠢ ᠠᠬᠤᠢ ᠶᠢᠨ ᠪᠣᠯᠪᠠᠰᠣᠨ ᠤ ᠦᠷ᠎ᠡ ᠪᠦᠳᠦᠮᠵᠢ ᠎ ᠶᠢ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠦᠷᠢᠨᠰᠢᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠳᠠ ᠶᠢᠨ ︽ᠨᠠᠮ ᠵᠠᠰᠠᠭ ᠤᠨ ᠬᠠᠮᠳᠦ ᠳᠠᠭᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢᠨ ᠎ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠲᠣᠰᠢᠶᠠᠯ ᠠᠴᠠ ᠪᠠᠨ ᠴᠠᠯᠭᠠᠶᠢᠳᠠᠭᠰᠠᠨ ᠢ ᠨᠡᠬᠡᠮᠵᠢᠯᠡᠬᠦ︾ ᠵᠡᠷᠭᠡ ᠲᠦᠷᠢᠮᠵᠢᠯᠡᠯ ᠢ ᠴᠢᠩᠭ᠎ᠠ ᠨᠠᠶᠢᠳᠠᠪᠣᠷᠢᠵᠢᠭᠤᠯᠵᠦ᠂ ᠬᠠᠣᠯᠢ ᠭᠡᠷᠡᠭᠵᠢᠭᠦᠯᠬᠦ ᠭᠦᠴᠦᠯᠡᠴᠡ ᠪᠠᠨ ᠴᠢᠩᠭᠠᠳᠬᠠᠨ᠂ ᠣᠷᠴᠢᠨ ᠲᠣᠭᠤᠷᠢᠨ ᠤ ᠬᠠᠣᠯᠢ ᠶᠢ ᠵᠦᠷᠢᠴᠡᠭᠰᠡᠨ ᠠᠰᠠᠭᠤᠳᠠᠯ ᠢ ᠴᠢᠩᠭ᠎ᠠ ᠰᠢᠢᠳᠪᠦᠷᠢᠯᠡᠨ᠎ᠡ᠃ ᠨᠤᠳᠤᠭ ᠪᠡᠯᠴᠢᠭᠡᠷ ᠢ ᠳᠠᠬᠢᠨ ᠨᠤᠳᠠᠯᠠᠬᠤ ᠠᠵᠢᠯ ᠤᠨ ᠠᠯᠬᠤᠴᠠ ᠪᠠᠨ ᠲᠦᠷᠭᠡᠳᠬᠡᠵᠦ᠂ ᠲᠡᠭᠡᠷ᠎ᠡ ᠬᠠᠭᠠᠰ ᠵᠢᠯ ᠳᠤ ᠠᠵᠢᠯ ᠢᠶᠠᠨ ᠪᠦᠬᠦᠨ ᠢ ᠳᠠᠭᠤᠰᠬᠠᠬᠤ ᠶᠢ ᠪᠠᠳᠣᠯᠠᠨ᠎ᠠ᠃ ᠭᠤᠤᠯᠲᠠᠯᠭ᠎ᠠ ᠲᠠᠢ ᠤᠷᠤᠨ ᠢ ᠤᠶᠢᠵᠢᠭᠤᠯᠤᠨ ᠨᠤᠭᠤᠭᠠᠷᠠᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠨᠢᠰᠬᠡᠯ ᠢᠶᠠᠷ 5 ᠲᠦᠮᠡᠨ ᠮᠦ ᠭᠠᠵᠠᠷ ᠢ ᠤᠶᠢᠵᠢᠭᠤᠯᠵᠦ᠂ 5000 ᠮᠦ ᠭᠠᠵᠠᠷ ᠤᠨ ᠡᠯᠡᠰᠤ ᠶᠢ ᠲᠤᠭᠲᠠᠪᠤᠷᠢᠵᠢᠭᠤᠯᠤᠨ᠂ 1500 ᠮᠤ᠋ ᠭᠤᠤᠯᠲᠠᠯᠭ᠎ᠠ ᠲᠠᠢ ᠤᠷᠤᠨ ᠢ ᠤᠶᠢᠵᠢᠭᠤᠯᠤᠨ ᠨᠤᠭᠤᠭᠠᠷᠠᠭᠤᠯᠤᠨ᠎ᠠ᠃ ᠡᠶ᠎ᠡ ᠵᠣᠬᠢᠴᠠᠯᠳᠦ ᠠᠭᠤᠷᠬᠠᠢ ᠶᠢᠨ ᠣᠷᠣᠨ ᠤ ᠪᠦᠳᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠵᠦ᠂ ︽ᠭᠤᠷᠪᠠᠨ ᠣᠷᠣᠨ ᠬᠤᠶᠠᠷ ᠱᠤᠭᠤᠮ︾ ᠵᠢᠴᠢ 182 ᠬᠠᠶᠠᠭᠳᠠᠮᠠᠯ ᠠᠭᠤᠷᠬᠠᠢ ᠶᠢᠨ ᠤᠷᠤᠨ ᠤ 133 ᠾᠧᠺᠲᠷ ᠠᠮᠢ ᠠᠬᠤᠢ ᠶᠢ ᠰᠡᠷᠭᠦᠬᠡᠨ ᠵᠠᠰᠠᠬᠤ ᠠᠵᠢᠯ ᠢ ᠪᠡᠶᠡᠯᠡᠭᠦᠯᠦᠨ᠎ᠡ᠃  ᠬᠦᠭᠵᠢᠯᠳᠠ ᠶᠢᠨ ᠴᠢᠨᠠᠷ ᠴᠢᠨᠰᠠᠭ᠎ᠠ᠂ ᠦᠷ᠎ᠠ ᠪᠦᠳᠦᠮᠵᠢ ᠶᠢ ᠤᠯᠠᠮ ᠴᠢᠬᠤᠯᠠᠴᠢᠯᠠᠨ᠂ ᠠᠵᠦ ᠠᠬᠤᠢ ᠶᠢᠨ ᠡᠷᠬᠢᠯᠳᠠ ᠶᠢ ᠢᠳᠡᠪᠬᠢᠳᠠᠢ ᠬᠦᠭᠵᠢᠬᠦᠯᠵᠦ᠂ ᠠᠵᠦ ᠦᠢᠯᠡᠳᠪᠤᠷᠢ ᠶᠢᠨ ᠬᠠᠶᠠᠭᠳᠠᠮᠠᠯ ᠪᠣᠳᠠᠰ ᠪᠤᠯᠤᠨ ᠠᠮᠢᠳᠤᠷᠠᠯ ᠤᠨ ᠬᠤᠭ ᠯᠤᠪᠰᠢ ᠤᠨ ᠠᠰᠢᠭᠯᠠᠯᠳᠠ ᠶᠢ ᠲᠦᠯᠬᠢᠨ ᠠᠬᠢᠭᠤᠯᠵᠦ᠂ ᠡᠨᠧᠷᠬᠢ ᠠᠷᠪᠢᠯᠠᠵᠦ ᠪᠣᠬᠢᠷᠳᠣᠯ ᠢ ᠪᠠᠭᠠᠰᠬᠠᠬᠤ ᠪᠠ ᠪᠣᠬᠢᠷᠳᠣᠯ ᠢ ᠰᠡᠷᠬᠡᠶᠢᠯᠡᠨ ᠵᠠᠰᠠᠬᠤ ᠠᠵᠢᠯ ᠢ ᠰᠠᠶᠢᠳᠦᠷ ᠬᠢᠨ᠎ᠠ᠃ ᠠᠮᠢ ᠠᠬᠤᠢ ᠶᠢᠨ ᠰᠣᠶᠣᠯ ᠢ ᠪᠠᠶᠢᠭᠤᠯᠵᠦ᠂ ᠠᠷᠪᠢᠯᠠᠨ ᠭᠠᠮᠨᠠᠬᠤ ᠂ ᠪᠠᠶᠢᠭᠠᠯᠢᠭ ᠪᠣᠬᠢᠷᠳᠣᠯ ᠦᠭᠡᠢ ᠠᠮᠢᠳᠣᠷᠠᠯ ᠤᠨ ᠠᠷᠭ᠎ᠠ ᠠᠪᠴᠢᠯ ᠪᠠ ᠭᠡᠷᠡᠭᠯᠡᠭᠡᠨ ᠤ ᠬᠡᠯᠪᠡᠷᠢ ᠶᠢ ᠰᠠᠨᠠᠭᠠᠴᠢᠯᠠᠵᠦ᠂ ᠡᠬᠢ ᠪᠠᠶᠠᠯᠢᠭ ᠢ ᠠᠷᠪᠢᠯᠠᠨ ᠭᠠᠮᠨᠠᠭᠰᠠᠨ᠂ ᠤᠷᠴᠢᠨ ᠲᠤᠭᠤᠷᠢᠨ ᠡᠶ᠎ᠡ ᠵᠤᠬᠢᠴᠠᠯᠳᠤᠭᠰᠠᠨ ᠨᠡᠶᠢᠭᠡᠮ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃     — — ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠪᠦᠳᠦᠭᠡᠨ ᠪᠠᠶᠢᠭᠤᠯᠣᠯᠳᠠ ᠶᠢ ᠲᠦᠷᠭᠡᠳᠬᠡᠨ᠎ᠡ᠃ ︽ᠰᠦᠨᠢᠳ ᠵᠡᠭᠦᠨ ᠬᠤᠰᠢᠭᠤᠨ ᠤ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢᠨ ᠶᠡᠷᠦᠩᠬᠡᠢ ᠲᠦᠯᠦᠪᠵᠢᠭᠦᠯᠭᠡ︾ ᠪᠠ ᠪᠠᠶᠠᠨᠠᠭᠤᠷ ᠪᠠᠯᠭᠠᠰᠦ᠂ ᠬᠤᠩᠭᠤᠷ ᠰᠣᠮᠣ᠂ ᠲᠠᠯᠠᠢ ᠰᠣᠮᠣ᠂ ᠰᠠᠶᠢᠬᠠᠠᠭᠤᠪᠢ ᠰᠣᠮᠣ ᠶᠢᠨ ᠶᠡᠷᠦᠩᠬᠡᠢ ᠲᠦᠯᠦᠪᠵᠢᠬᠦᠯᠭᠡ ᠶᠢᠨ ᠬᠢᠨᠠᠨ ᠦᠨᠡᠯᠡᠬᠦ ᠠᠵᠢᠯ ᠢ ᠪᠡᠶᠡᠯᠡᠬᠦᠯᠦᠨ᠎ᠠ᠃ ᠴᠠᠭᠠᠠᠣᠪᠣᠭ᠎ᠠ ᠪᠠᠯᠭᠠᠰᠦ ᠪᠠ ᠪᠠᠶᠠᠠᠭᠤᠯᠠ ᠰᠣᠮᠣ ᠶᠢᠨ ᠬᠤᠳᠠ ᠪᠠᠯᠭᠠᠰᠣᠨ ᠤ ᠶᠠᠷᠦᠩᠬᠡᠢ ᠲᠦᠯᠦᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠡᠬᠢᠯᠡᠬᠦᠯᠦᠨ᠎ᠠ᠃ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢᠨ ᠠᠯᠬᠤᠴᠠ ᠶᠢ ᠲᠦᠷᠭᠡᠳᠭᠡᠵᠦ᠂ ᠲᠡᠯᠭᠡᠷᠬᠠᠨ ᠵᠡᠭᠡᠯᠢ᠂ ᠲᠠᠷᠬᠠᠨ ᠵᠡᠭᠡᠯᠢ ᠵᠡᠷᠭᠡ ᠭᠤᠣᠯ ᠵᠡᠭᠡᠯᠢ ᠶᠢᠨ 21 ᠲᠦᠮᠡᠨ ᠲᠡᠭᠰᠢ ᠲᠦᠷᠪᠡᠯᠵᠢᠨ ᠮᠧᠲᠷ ᠵᠠᠮ ᠎ ᠤᠨ ᠬᠠᠳᠠᠭᠤᠷᠠᠭᠤᠯᠳᠠ ᠶᠢ ᠪᠡᠶᠡᠯᠡᠬᠦᠯᠦᠨ᠎ᠠ᠃ ᠲᠠᠷᠬᠠᠨ ᠰᠠᠭᠤᠭᠠᠯᠢ ᠠᠷᠠᠳ ᠤᠨ ᠲᠣᠭᠤᠷᠢᠭ ᠪᠠ ᠮᠠᠨᠳᠠ ᠰᠠᠭᠤᠭᠠᠯᠢ ᠠᠷᠠᠳ ᠤᠨ ᠲᠣᠭᠤᠷᠢᠭ ᠤᠨ ᠬᠠᠳᠠᠭᠤᠷᠠᠭᠤᠯᠳᠠ ᠶᠢᠨ ᠢᠨᠵᠧᠨᠧᠷᠢᠩ ᠢ ᠡᠬᠢᠯᠡᠬᠦᠯᠦᠨ᠎ᠠ᠃ 20 ᠲᠦᠮᠡᠨ ᠲᠡᠭᠰᠢ ᠲᠦᠷᠪᠡᠯᠵᠢᠨ ᠮᠧᠲᠷ ᠤᠨ ᠰᠦᠨᠢᠳ ᠠᠭᠤᠳᠠᠮ ᠲᠠᠯᠠᠪᠠᠢ᠂ ᠠᠮᠢ ᠠᠬᠤᠢ ᠶᠢᠨ ᠭᠦᠷᠢᠶᠡᠯᠡᠩ ᠵᠡᠷᠭᠡ ᠭᠤᠣᠯᠳᠠᠯᠭ᠎ᠠ ᠲᠠᠢ ᠣᠷᠣᠨ ᠳᠤ 20 ᠲᠦᠮᠡᠨ ᠲᠡᠭᠰᠢ ᠲᠦᠷᠪᠡᠯᠵᠢᠨ ᠮᠧᠲᠷ ᠭᠠᠵᠠᠷ ᠤᠨ ᠨᠤᠭᠤᠭᠠᠷᠠᠭᠤᠯᠤᠯᠳᠠ ᠶᠢᠨ ᠠᠵᠢᠯ ᠢ ᠬᠡᠷᠡᠭᠵᠢᠬᠦᠯᠦᠨ᠎ᠠ᠃ 170 ᠰᠠᠭᠤᠷᠢ ᠵᠠᠮ ᠤᠨ ᠳ᠋ᠧᠩ ᠢ ᠣᠭᠰᠠᠷᠠᠵᠦ᠂ 7 ᠵᠣᠷᠪᠣᠰ ᠰᠢᠨ᠎ᠡ ᠪᠠᠷ ᠵᠠᠰᠠᠭᠰᠠᠨ ᠵᠠᠮ ᠪᠠ ᠲᠡᠯᠭᠡᠷᠬᠠᠨ ᠵᠡᠭᠡᠯᠢ ᠶᠢᠨ ᠬᠡᠷᠡᠯᠳᠦᠬᠦᠯᠭᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠤᠵᠠᠷ ᠤᠰᠤ ᠶᠢ ᠲᠠᠬᠢᠨ ᠠᠰᠢᠭᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠲᠤᠯᠠᠭᠠᠯᠭ᠎ᠠ ᠶᠢ ᠵᠤᠤᠬ᠎ᠠ᠂ ᠭᠤᠤᠷᠰᠤ ᠬᠤᠭᠤᠯᠠᠢ ᠶᠢᠨ ᠦᠭᠡᠷᠡᠴᠢᠯᠡᠯᠳᠡ ᠪᠠ ᠢᠯᠴᠢ ᠲᠠᠮᠵᠢᠭᠤᠯᠬᠤ ᠦᠷᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ ᠢ ᠬᠡᠷᠡᠭᠵᠢᠬᠦᠯᠦᠨ᠎ᠠ᠃ ᠨᠠᠶᠢᠷ ᠤᠨ ᠲᠠᠯᠠᠪᠠᠢ ᠪᠠ ᠪᠦᠬᠦ ᠠᠷᠠᠳ ᠤᠨ ᠪᠡᠶ᠎ᠡ ᠪᠣᠯᠪᠠᠰᠣᠷᠠᠭᠤᠯᠬᠤ ᠲᠦᠪ ᠤᠨ ᠪᠦᠳᠦᠭᠡᠨ ᠪᠠᠶᠢᠭᠤᠯᠣᠯᠳᠠ ᠶᠢ ᠲᠠᠭᠤᠰᠬᠠᠨ ᠠᠰᠢᠭᠯᠠᠯᠳᠠ ᠳᠤ ᠤᠷᠤᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠡᠬᠢᠯᠡᠬᠦᠯᠵᠦ᠂ ᠤᠯᠠᠨ ᠨᠡᠶᠢᠳᠠ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠠᠪᠴᠠᠩ ᠎ ᠢ ᠪᠠᠶᠢᠭᠤᠯᠤᠨ᠎ᠠ᠃ ᠬᠠᠭᠤᠴᠢᠨ ᠲᠣᠭᠤᠷᠢᠭ ᠤᠨ ᠨᠡᠬᠦᠯᠭᠡᠨ ᠰᠢᠯᠵᠢᠬᠦᠯᠵᠤ ᠦᠭᠡᠷᠡᠴᠢᠯᠡᠬᠦ ᠪᠠ ᠪᠠᠳᠤᠯᠠᠭᠠᠨ ᠤ ᠴᠢᠨᠠᠷᠲᠠᠢ ᠣᠷᠣᠨ ᠰᠠᠭᠤᠴᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠣᠨ᠂ ᠬᠠᠭᠤᠴᠢᠨ ᠭᠡᠷ ᠪᠠᠶᠢᠰᠢᠩ ᠢ ᠦᠭᠡᠷᠡᠴᠢᠯᠡᠵᠤ ᠰᠠᠶᠢᠵᠢᠷᠠᠭᠤᠯᠬᠤ᠂ ᠮᠠᠯᠵᠢᠬᠤ ᠣᠷᠣᠨ ᠤ ᠠᠶᠣᠯᠲᠠᠢ ᠭᠡᠷ ᠪᠠᠶᠢᠰᠢᠩ ᠵᠠᠰᠠᠨ ᠰᠢᠨᠡᠳᠭᠡᠬᠦ ᠶᠢ ᠲᠤᠰᠪᠦᠷᠢ 100 ᠢᠵᠢ ᠶᠢ ᠪᠡᠶᠡᠯᠡᠬᠦᠯᠦᠨ᠎ᠡ᠃ ᠬᠤᠳᠠ ᠪᠠᠯᠭᠠᠰᠣᠨ ᠤ ᠨᠠᠷᠢᠯᠢᠭᠵᠢᠭᠤᠯᠤᠭᠰᠠᠨ ᠬᠠᠮᠢᠶᠠᠷᠣᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠦ᠂ ᠰᠠᠭᠤᠭᠠᠯᠢ ᠠᠷᠠᠳ ᠤᠨ ᠳᠤᠭᠤᠷᠢᠭ ᠤᠨ ᠠᠳᠠᠯ ᠠᠬᠤᠢ ᠎ ᠶᠢᠨ ᠬᠠᠮᠢᠶᠠᠷᠣᠯᠳᠠ ᠶᠢ ᠴᠢᠩᠭ᠎ᠠ ᠠᠳᠬᠤᠵᠤ᠂ ︽ᠪᠦᠬᠦ ᠬᠤᠰᠢᠭᠤᠨ ᠤ ᠰᠠᠭᠤᠭᠠᠯᠢ ᠠᠷᠠᠳ ᠤᠨ ᠳᠤᠭᠤᠷᠢᠭ ᠤᠨ ᠠᠳᠠᠯ ᠠᠬᠤᠢ ᠶᠢᠨ ᠬᠠᠮᠢᠶᠠᠷᠣᠯᠳᠠ ᠤᠨ ᠠᠷᠭ᠎ᠠ︾᠎ ᠶᠢ ᠳᠤᠭᠳᠠᠭᠠᠵᠤ᠂ ᠬᠢᠷᠢ ᠬᠡᠮ ᠲᠠᠢ᠂ ᠪᠤᠳᠠᠳᠤ ᠬᠦᠴᠦᠨ ᠲᠠᠢ᠂ ᠨᠡᠶᠢᠭᠡᠮ ᠤᠨ ᠨᠦᠯᠦᠭᠡ ᠲᠤᠰᠬᠠᠯ ᠰᠠᠶᠢᠨ ᠲᠤᠮᠤ ᠬᠡᠯᠪᠡᠷᠢ ᠶᠢᠨ ᠠᠳᠠᠯ ᠠᠬᠤᠢ ᠶᠢᠨ ᠺᠤᠮᠫᠠᠨᠢ ᠶᠢ ᠤᠷᠢᠨ ᠤᠷᠤᠭᠤᠯᠤᠨ᠂ ᠵᠠᠬ᠎ᠠ ᠲᠡᠯᠬᠡᠬᠦᠷᠵᠢᠭᠰᠡᠨ ᠡᠵᠡᠩᠨᠡᠯᠳᠡ ᠶᠢᠨ ᠬᠡᠯᠪᠡᠷᠢ ᠶᠢ ᠬᠡᠷᠡᠭᠵᠢᠬᠦᠯᠵᠦ᠂ ᠪᠦᠬᠦ ᠬᠤᠰᠢᠭᠤᠨ ᠤ ᠰᠠᠭᠤᠭᠠᠯᠢ ᠠᠷᠠᠳ ᠤᠨ ᠳᠤᠭᠤᠷᠢᠭ ᠤᠨ ᠠᠳᠠᠯ ᠠᠬᠤᠢ ᠶᠢ ᠨᠢᠬᠡᠳᠦᠯᠳᠡᠢ ᠲᠦᠪᠯᠡᠷᠡᠬᠦᠯᠤᠨ ᠬᠠᠮᠢᠶᠠᠷᠴᠦ᠂ ᠠᠳᠠᠯ ᠠᠬᠤᠢ ᠶᠢᠨ ᠬᠠᠮᠢᠶᠠᠷᠤᠯᠳᠠ ᠪᠠ ᠤᠷᠴᠢᠨ ᠳᠤᠭᠤᠷᠢᠨ ᠤ ᠠᠷᠢᠭᠤᠨ ᠴᠡᠪᠡᠷ ᠤᠨ ᠬᠢᠷᠢ ᠳᠦᠪᠰᠢᠨ ᠢ ᠨᠢᠭᠡᠳᠭᠡᠨ ᠲᠦᠷᠢᠮᠵᠢᠬᠦᠯᠦᠨ᠎ᠡ᠃ ᠪᠠᠶᠢᠰᠢᠩ ᠬᠡᠷ ᠤᠨ ᠳᠤᠭᠤᠷᠢᠭ᠂ ᠵᠢᠵᠢᠭ ᠵᠡᠭᠡᠯᠢ ᠨᠠᠷᠢᠨ ᠭᠤᠳᠤᠮᠵᠢ ᠵᠡᠷᠭᠡ ᠤᠷᠤᠨ ᠲᠤᠭᠤᠷᠢᠭ ᠢ ᠴᠡᠭᠴᠡᠯᠡᠬᠦ ᠠᠵᠢᠯ ᠢ ᠰᠠᠶᠢᠳᠤᠷ ᠠᠳᠬᠤᠵᠤ᠂ ᠤᠷᠴᠢᠨ ᠲᠤᠭᠤᠷᠢᠨ ᠤ ᠠᠷᠢᠭᠤᠨ ᠴᠡᠪᠡᠷ ᠢ ᠨᠡᠶᠢᠳᠡᠮ ᠬᠠᠮᠤᠷᠴᠤ᠂ ᠵᠡᠭᠡᠯᠢ ᠭᠤᠳᠣᠮᠵᠢ᠂ ᠠᠭᠤᠳᠠᠮ ᠲᠠᠯᠠᠪᠠᠢ᠂ ᠨᠤᠭᠤᠭᠠᠷᠠᠭᠤᠯᠤᠯᠳᠠ ᠶᠢᠨ ᠭᠠᠵᠠᠷ ᠤᠨ ᠠᠷᠢᠭᠤᠨ ᠴᠡᠪᠡᠷ ᠢ ᠰᠠᠶᠢᠳᠤᠷ ᠪᠠᠳᠤᠯᠠᠵᠤ᠂ ᠰᠠᠭᠤᠭᠠᠯᠢ ᠠᠷᠠᠳ ᠤᠨ ᠠᠮᠢᠳᠣᠷᠠᠬᠤ ᠤᠷᠴᠢᠨ ᠲᠣᠭᠤᠷᠢᠨ ᠢ ᠤᠯᠠᠮ ᠨᠢᠬᠡ ᠠᠯᠬᠤᠮ ᠰᠠᠶᠢᠵᠢᠷᠠᠭᠤᠯᠣᠨ᠎ᠠ᠃ ᠬᠤᠳᠠ ᠪᠠᠯᠭᠠᠰᠤᠨ ᠤ ᠬᠠᠣᠯᠢ ᠭᠡᠷᠡᠭᠵᠢᠭᠦᠯᠬᠦ ᠬᠢᠨᠠᠨ ᠬᠠᠮᠢᠶᠠᠷᠤᠯᠳᠠ ᠶᠢᠨ ᠬᠢᠷᠢ ᠲᠦᠪᠰᠢᠨ ᠎ ᠪᠠᠨ ᠲᠡᠭᠡᠭᠰᠢᠯᠡᠭᠦᠯᠵᠦ᠂ ᠬᠤᠳᠠ ᠪᠠᠯᠭᠠᠰᠦ ᠶᠢ ᠬᠠᠮᠳᠤᠪᠡᠷ ᠵᠠᠰᠠᠵᠤ ᠬᠠᠮᠳᠤᠪᠡᠷ ᠬᠠᠮᠢᠶᠠᠷᠴᠤ᠂ ᠬᠠᠮᠳᠤᠪᠡᠷ ᠪᠦᠳᠦᠭᠡᠨ ᠪᠠᠶᠢᠭᠤᠯᠵᠦ ᠬᠠᠮᠳᠤᠪᠡᠷ ᠡᠳ᠋ᠯᠡᠬᠦ ᠶᠢ ᠪᠡᠶᠡᠯᠡᠭᠦᠯᠦᠨ᠎ᠡ᠃     — — ᠭᠦᠨᠳᠦ ᠴᠢᠬᠤᠯᠠ ᠰᠠᠭᠤᠷᠢ ᠳᠦᠬᠦᠭᠡᠷᠤᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠣᠨ᠎ᠠ᠃ 123 ᠺᠢᠯᠤᠮᠧᠲᠷ ᠤᠨ ᠮᠠᠯᠵᠢᠬᠤ ᠤᠷᠤᠨ ᠤ ᠵᠠᠰᠠᠮᠠᠯ ᠵᠠᠮ ᠢ ᠦᠭᠡᠷᠡᠴᠢᠯᠡᠨ ᠵᠠᠰᠠᠵᠤ᠂ ᠤᠯᠤᠰ ᠎ ᠤᠨ ᠳᠡᠰ ᠤᠨ 331 ᠱᠤᠭᠤᠮ ᠤᠨ ᠵᠡᠬᠦᠨ ᠰᠦᠨᠢᠳ ᠤᠨ ᠬᠡᠰᠡᠭ ᠲᠠᠬᠢ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠬᠠᠮᠵᠢᠯᠴᠠᠨ᠎ᠠ᠃ ᠮᠠᠯᠵᠢᠬᠤ ᠤᠷᠤᠨ ᠤ ᠤᠤᠭᠤᠬᠤ ᠤᠰᠤᠨ ᠤ ᠴᠢᠨᠠᠷ ᠢ ᠳᠡᠭᠡᠭᠰᠢᠯᠡᠬᠦᠯᠬᠦ᠂ ᠭᠠᠩ ᠬᠠᠭᠰᠠᠷᠭᠠᠨ ᠤ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠰᠤᠷᠪᠤᠯᠵᠢ ᠶᠢᠨ ᠢᠨᠵᠧᠨᠧᠷᠢᠭ ᠢ ᠰᠠᠶᠢᠳᠦᠷ ᠭᠡᠷᠡᠭᠵᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠤᠰᠤᠨ ᠤ ᠱᠠᠳᠤᠴᠢ ᠴᠢᠨᠠᠷ ᠎ ᠲᠠᠢ ᠦᠨ᠎ᠡ ᠬᠠᠩᠰᠢ ᠶᠢᠨ ᠲᠦᠷᠢᠮ ᠢ ᠭᠡᠷᠡᠭᠵᠢᠭᠦᠯᠦᠨ᠎ᠡ᠃ ᠮᠠᠯᠵᠢᠬᠤ ᠤᠷᠤᠨ ᠤ ᠴᠠᠬᠢᠯᠭᠠᠨ ᠰᠦᠯᠵᠢᠶ᠎ᠡ ᠶᠢ ᠦᠭᠡᠷᠡᠴᠢᠯᠠᠵᠤ ᠲᠡᠰ ᠳᠡᠪᠰᠢᠭᠦᠯᠬᠦ ᠢᠨᠵᠧᠨᠧᠷᠢᠩ ᠢ ᠳᠦᠯᠬᠢᠨ ᠠᠬᠢᠭᠤᠯᠵᠤ᠂ ᠳ᠋ᠠ ᠲᠠᠩ ᠳ᠋ᠢᠩ ᠸᠠᠩ ᠤᠨ 110 ᠺᠢᠯᠤᠸᠠᠲ ᠶᠢᠨ ᠴᠠᠬᠢᠯᠭᠠᠨ ᠬᠦᠴᠦᠲᠠᠯ ᠬᠤᠪᠢᠰᠬᠠᠬᠤ ᠦᠷᠲᠡᠭᠡ ᠪᠠ ᠮᠠᠩᠯᠠᠢ 110 ᠺᠢᠯᠤᠸᠠᠲ ᠶᠢᠨ ᠴᠠᠬᠢᠯᠭᠠᠨ ᠬᠦᠴᠦᠲᠠᠯ ᠢ ᠬᠤᠪᠢᠰᠬᠠᠨ ᠳᠠᠮᠵᠢᠭᠤᠯᠬᠤ ᠦᠷᠲᠡᠭᠡ ᠶᠢ ᠦᠷᠭᠡᠳᠬᠡᠨ ᠪᠠᠶᠢᠭᠤᠯᠬᠤ ᠢᠨᠵᠧᠨᠧᠷᠢᠭ ᠢ ᠳᠤᠰ ᠵᠢᠯ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠨᠢᠰᠬᠡᠯ ᠤᠨ ᠲᠠᠯᠠᠪᠤᠷ ᠢ ᠪᠠᠶᠢᠭᠤᠯᠬᠤ ᠠᠵᠢᠯ ᠨᠢ ᠠᠶᠢᠮᠠᠭ ᠤᠨ ᠭᠤᠤᠯᠳᠠᠯᠭᠠᠳᠦ ᠳᠦᠷᠦᠯ ᠵᠦᠢᠯ ᠪᠤᠯᠤᠭᠰᠠᠨ ᠠᠵᠠ ᠳᠤᠬᠢᠶᠠᠯ ᠢ ᠰᠠᠶᠢᠳᠤᠷ ᠠᠳᠬᠤᠵᠤ᠂ ᠰᠦᠨᠢᠳ ᠵᠡᠬᠦᠨ ᠬᠤᠰᠢᠭᠤᠨ ᠤ ᠨᠢᠰᠬᠡᠯ ᠤᠨ ᠲᠠᠯᠠᠪᠤᠷ ᠤᠨ ᠪᠦᠳᠦᠭᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠰᠢᠯᠢ ᠶᠢᠨ ᠭᠤᠣᠯ ᠠᠶᠢᠮᠠᠭ ᠨᠢ 2016 ᠣᠨ ᠤ ᠣᠯᠣᠰ ᠤᠨ ᠴᠠᠬᠢᠯᠭᠠᠨ ᠬᠤᠯᠪᠣᠭᠠᠨ ᠤ ᠨᠡᠶᠢᠳᠡᠮ ᠤᠨ ᠦᠢᠯᠡᠴᠢᠯᠡᠭᠡᠨ ᠤ ᠨᠦᠬᠦᠪᠦᠷᠢ ᠎ ᠶᠢᠨ ᠲᠣᠷᠰᠢᠯᠳᠠ ᠶᠢᠨ ᠴᠢᠭ ᠪᠣᠯᠣᠭᠰᠠᠨ ᠠᠵᠠ ᠲᠣᠬᠢᠶᠠᠯ ᠢ ᠠᠳᠬᠤᠨ᠂ ︽ᠵᠡᠬᠦᠨ ᠰᠦᠨᠢᠳ ᠳᠤᠤᠷ ᠰᠦᠯᠵᠢᠶ᠎ᠠ︾ ᠎ ᠶᠢᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠭ ᠢ ᠬᠡᠷᠡᠭᠵᠢᠬᠦᠯᠵᠦ᠂ 19 ᠰᠠᠤᠷᠢ ᠴᠢᠮᠡᠭᠡ ᠬᠤᠯᠪᠤᠭᠠᠨ ᠤ ᠰᠠᠭᠤᠷᠢ ᠦᠷᠲᠡᠭᠡ ᠶᠢ ᠪᠠᠶᠢᠭᠤᠯᠵᠤ᠂139 ᠺᠢᠯᠤᠮᠧᠲᠷ ᠴᠢᠮᠡᠭᠡ ᠬᠤᠯᠪᠤᠭᠠᠨ ᠤ ᠬᠡᠷᠡᠯᠯᠢᠭ ᠤᠳᠠᠰᠤ ᠶᠢ ᠳᠡᠪᠢᠰᠴᠦ᠂ ᠬᠤᠶᠢᠳᠦ ᠭᠡᠰᠡᠭ ᠤᠨ ᠬᠢᠯᠢ ᠲᠠᠭᠠᠤ ᠭᠠᠵᠠᠷ ᠤᠷᠤᠨ ᠤ ᠴᠢᠮᠡᠭᠡ ᠬᠤᠯᠪᠤᠭᠠᠨ ᠤ ᠲᠤᠬᠢᠶ᠎ᠠ ᠪᠠ ᠲᠤᠤᠷ ᠰᠦᠯᠵᠢᠶᠡᠨ ᠤ ᠪᠦᠷᠬᠦᠴᠡ ᠶᠢᠨ ᠨᠤᠷᠮ᠎ᠠ ᠶᠢ ᠭᠤᠤᠯᠳᠠᠯᠭ᠎ᠠ ᠲᠠᠢ ᠲᠡᠭᠡᠭᠰᠢᠯᠡᠬᠦᠯᠦᠨ᠎ᠡ᠃     — — ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠭᠦᠨᠵᠡᠭᠡᠶᠢᠷᠡᠭᠦᠯᠦᠨ ᠭᠡᠷᠡᠭᠵᠢᠭᠦᠯᠦᠨ᠎ᠡ᠃ ᠦᠨᠤ ᠵᠢᠯ ᠪᠣᠯ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠪᠤᠭᠤᠮᠳᠠ ᠰᠢᠪᠳᠤᠯᠬᠤ ᠵᠠᠩᠭᠢᠯᠭ᠎ᠠ ᠶᠢᠨ ᠵᠢᠯ ᠪᠣᠯᠬᠤᠷ᠂ ᠡᠷᠬᠡᠪᠰᠢ ᠸᠠᠩ ᠵᠢᠶᠦ᠋ᠨ ᠱᠦᠵᠢ ᠶᠢᠨ ︽ᠭᠤᠷᠪᠠ ᠶᠢ ᠤᠷᠬᠢᠭᠳᠠᠭᠤᠯᠬᠤ ᠦᠭᠡᠢ︾᠎ ᠶᠢᠨ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠳᠤ ᠲᠣᠬᠢᠷᠠᠭᠰᠠᠨ᠂ ᠪᠣᠳᠠᠳᠠᠢ ᠲᠠᠢ ᠨᠡᠶᠢᠴᠡᠭᠰᠡᠨ᠂ ᠦᠷ᠎ᠡ ᠠᠰᠢᠭᠳᠦ ᠪᠠ ᠲᠣᠳᠠᠭᠤ ᠶᠢ ᠨᠦᠬᠦᠪᠦᠷᠢᠯᠡᠬᠦ ᠵᠠᠷᠴᠢᠮ ᠶᠣᠰᠣᠭᠠᠷ᠂ ᠵᠢᠯ ᠤᠨ ᠲᠣᠳᠣᠷ᠎ᠠ ᠮᠠᠯᠵᠢᠬᠤ ᠤᠷᠤᠨ ᠤ 1000 ᠰᠠᠭᠤᠷᠢ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠵᠦ ᠰᠢᠨᠡᠳᠭᠡᠨ᠎ᠡ᠃ 40 ᠠᠮᠠᠰᠠᠷ ᠬᠤᠳᠳᠤᠭ ᠢ ᠰᠢᠨ᠎ᠡ ᠪᠠᠷ ᠮᠠᠯᠳᠠᠵᠤ᠂ 1520 ᠢᠵᠢ ᠤᠰᠤ ᠴᠡᠪᠡᠷᠰᠢᠬᠦᠯᠬᠦ ᠲᠦᠬᠦᠭᠡᠷᠦᠮᠵᠢ ᠶᠢ ᠤᠭᠰᠠᠷᠠᠨ᠎ᠠ᠃ ᠠᠶᠠᠨᠳᠠᠭᠠᠨ ᠪᠦᠷᠢᠯᠳᠦᠭᠰᠡᠨ ᠠᠶᠢᠯ ᠬᠤᠳᠠ᠂ ᠭᠠᠴᠠᠭ᠎ᠠ ᠲᠤᠰᠬᠤᠨ ᠤ ᠬᠠᠳᠠᠭᠤᠷᠠᠭᠤᠯᠤᠯᠳᠠ ᠶᠢ 30.5 ᠺᠢᠯᠤᠮᠧᠲᠷ ᠪᠡᠶᠡᠯᠡᠬᠦᠯᠦᠨ᠎ᠡ᠃ 112 ᠺᠢᠯᠤᠮᠧᠲᠷ ᠤᠨ10 ᠺᠢᠯᠣᠸᠠᠲ ᠶᠢᠨ ᠴᠠᠬᠢᠯᠭᠠᠨ ᠱᠤᠭᠤᠮ ᠢ ᠰᠢᠨ᠎ᠡ ᠪᠠᠷ ᠳᠠᠳᠠᠨ᠂ ᠳᠡᠰ ᠳᠡᠪᠰᠢᠬᠦᠯᠦᠭᠰᠡᠨ ᠦᠨᠳᠤᠷ ᠬᠦᠴᠦᠳᠡᠯᠳᠦ ᠨᠠᠷᠠ ᠰᠠᠯᠬᠢᠨ ᠤ ᠴᠠᠬᠢᠯᠭᠠᠨ ᠭᠠᠷᠭᠠᠬᠤ ᠳᠦᠬᠦᠭᠡᠷᠦᠮᠵᠢ ᠶᠢ 1000 ᠰᠠᠤᠷᠢ ᠤᠭᠰᠠᠷᠠᠵᠤ᠂ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠳᠠᠰᠤᠭ 3 ᠰᠠᠭᠤᠷᠢ᠂ ᠠᠷᠠᠳ ᠲᠤ ᠳᠦᠬᠦᠮ ᠦᠵᠡᠬᠦᠯᠬᠦ ᠬᠡᠳᠤ ᠳᠡᠯᠭᠡᠭᠦᠷ 5 ᠰᠠᠭᠤᠷᠢ᠂ ᠲᠤᠭᠠᠴᠢᠯᠠᠭᠰᠠᠨ ᠦᠷᠲᠡᠭᠡ ᠶᠢ 2 ᠰᠠᠭᠤᠷᠢ ᠰᠢᠨ᠎ᠡ ᠪᠠᠷ ᠪᠠᠶᠢᠭᠤᠯᠵᠦ᠂ ᠭᠠᠴᠠᠭᠠᠨ ᠤ ᠰᠤᠶᠤᠯ ᠤᠨ ᠬᠦᠳᠡᠯᠬᠡᠬᠡᠨ ᠤ ᠭᠡᠷ 6 ᠰᠠᠭᠤᠷᠢ ᠶᠢ ᠰᠢᠨ᠎ᠡ ᠪᠠᠷ ᠦᠭᠡᠷᠡᠴᠢᠯᠡᠨ ᠵᠠᠰᠠᠨ᠎ᠠ᠃ ᠮᠠᠯᠵᠢᠬᠤ ᠣᠷᠣᠨ ᠤ ᠨᠠᠰᠣᠵᠢᠯ ᠤᠨ ᠲᠠᠭᠠᠳᠬᠠᠯ ᠪᠠ ᠦᠨᠳᠦᠷ ᠨᠠᠰᠣᠲᠠᠳ ᠤᠨ ᠨᠦᠬᠦᠪᠦᠷᠢ ᠮᠦᠩᠬᠦ ᠶᠢ ᠴᠠᠭ ᠲᠣᠬᠠᠢ ᠳᠤᠨᠢ ᠭᠦᠢᠴᠡᠳ ᠲᠠᠷᠬᠠᠭᠠᠨ᠎ᠠ᠃ ︽ᠭᠤᠷᠪᠠ ᠶᠢ ᠨᠤᠷᠠᠭᠠᠬᠤ᠂ ᠭᠤᠷᠪᠠ ᠶᠢ ᠴᠡᠪᠡᠷᠯᠡᠬᠦ᠂ ᠭᠤᠷᠪᠠ ᠶᠢ ᠵᠠᠰᠠᠬᠤ᠂ ᠲᠦᠷᠪᠡ ᠶᠢ ᠭᠤᠸᠠᠵᠢᠭᠤᠯᠬᠤ︾᠎ ᠪᠠᠷ ᠭᠤᠣᠯᠳᠠᠯᠭ᠎ᠠ ᠪᠣᠯᠭᠠᠵᠦ᠂ ᠴᠤᠮᠤᠳᠬᠠᠨ ᠨᠡᠶᠢᠯᠡᠬᠦᠯᠦᠭᠰᠡᠨ ᠤ ᠲᠠᠷᠠᠭᠠᠬᠢ ᠰᠤᠮᠤ ᠪᠠᠯᠭᠠᠰᠤ ᠎ ᠶᠢᠨ ᠲᠤᠭᠤᠷᠢᠭ ᠪᠠ ᠤᠳᠤ ᠪᠠᠶᠢᠭ᠎ᠠ ᠰᠤᠮᠤ ᠪᠠᠯᠭᠠᠰᠤᠨ ᠤ ᠰᠠᠭᠤᠭᠠᠯᠢ ᠲᠤᠭᠤᠷᠢᠭ ᠵᠡᠷᠭᠡ 18 ᠬᠡᠰᠡᠭ ᠭᠠᠵᠠᠷ ᠤᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠪᠡᠶᠡᠯᠡᠬᠦᠯᠦᠨ᠎ᠡ᠃ ᠲᠡᠭᠡᠳᠦ ᠱᠠᠳᠣᠨ ᠤ ᠱᠠᠩᠨᠠᠨ ᠨᠦᠬᠦᠪᠦᠷᠢᠯᠡᠬᠦ ᠮᠦᠩᠬᠦ ᠶᠢ ᠢᠳᠡᠪᠬᠢᠲᠠᠢ ᠡᠷᠡᠮᠡᠯᠵᠡᠯᠡᠨ ᠤᠯᠵᠤ᠂ ᠲᠦᠷᠦᠯ ᠵᠦᠢᠯ ᠤᠨ ᠪᠡᠯᠡ ᠮᠦᠩᠬᠦ ᠶᠢ ᠨᠢᠬᠡᠳᠬᠡᠨ᠂ ᠲᠦᠪᠯᠡᠷᠡᠬᠦᠯᠤᠨ ᠬᠡᠷᠡᠭᠯᠡᠬᠦ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠰᠤᠮᠤ ᠪᠠᠯᠭᠠᠰᠤ ᠪᠠ ᠣᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠦ᠂ ᠮᠠᠯᠴᠢᠳ ᠤᠨ ᠪᠡᠯᠡ ᠤᠷᠤᠭᠤᠯᠬᠤ᠂ ᠬᠦᠳᠡᠯᠮᠦᠷᠢ ᠬᠦᠴᠦ ᠭᠠᠷᠭᠠᠬᠤ ᠶᠢ ᠵᠤᠷᠢᠭᠵᠢᠭᠤᠯᠤᠨ᠎ᠠ᠃ ︽ᠢᠨᠵᠧᠨᠧᠷᠢᠩ ᠤᠨ ᠠᠰᠢᠭᠯᠠᠯᠳᠠ ᠳᠤ ᠣᠷᠣᠭᠰᠠᠨ ᠤ ᠲᠠᠷᠠᠭᠠᠬᠢ ᠬᠢᠨᠠᠵᠤ ᠬᠠᠮᠢᠶᠠᠷᠬᠤ ᠠᠷᠭ᠎ᠠ︾᠎ ᠶᠢ ᠪᠦᠷᠢᠨᠰᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠨ ᠰᠠᠶᠢᠵᠢᠷᠠᠭᠤᠯᠣᠯᠳᠠ ᠪᠠ ᠦᠷᠭᠦᠯᠵᠢᠯᠡᠭᠦᠶᠢᠴᠡ ᠬᠠᠮᠢᠶᠠᠷᠣᠯᠳᠠ ᠶᠢᠨ ᠵᠣᠬᠢᠴᠠᠮᠵᠢ ᠶᠢ ᠪᠠᠶᠢᠭᠤᠯᠵᠦ᠂ ᠢᠨᠵᠧᠨᠧᠷᠢᠭ ᠤᠨ ᠪᠦᠳᠦᠭᠡᠨ ᠪᠠᠶᠢᠭᠤᠯᠣᠯᠳᠠ ᠶᠢᠨ ᠦᠷ᠎ᠡ ᠪᠦᠳᠦᠮᠵᠢ ᠢᠶᠠᠨ ᠪᠠᠬᠢᠵᠢᠭᠦᠯᠦᠨ᠎ᠡ᠃ ᠺᠠᠳ᠋ᠷ ᠠᠵᠢᠯᠲᠠᠨ ᠤ ᠦᠨᠳᠦᠰᠦᠨ ᠱᠠᠳᠣᠨ ᠳᠤ ᠭᠦᠨᠵᠡᠭᠡᠶᠢᠷᠡᠬᠦ ᠠᠵᠢᠯ ᠢ ᠣᠯᠠᠮ ᠨᠢᠭᠡ ᠠᠯᠬᠤᠮ ᠰᠠᠶᠢᠳᠦᠷ ᠬᠢᠵᠦ᠂ ᠱᠠᠯᠠᠪᠳᠠᠨ ᠪᠠᠶᠢᠴᠠᠭᠠᠵᠤ ᠵᠢᠯᠤᠭᠤᠳᠬᠤ ᠠᠵᠢᠯ ᠢ ᠴᠢᠩᠭᠠᠳᠬᠠᠵᠤ᠂ ᠨᠡᠶᠢᠳᠡᠯᠢᠭ ᠵᠢᠱᠢᠶ᠎ᠡ ᠦᠵᠡᠬᠦᠯᠬᠦ ᠶᠢ ᠪᠠᠷᠢᠮᠳᠠᠯᠠᠵᠦ᠂ ᠰᠢᠯᠭᠠᠨ ᠪᠠᠶᠢᠴᠠᠭᠠᠯᠳᠠ ᠪᠠᠨ ᠴᠢᠩᠭᠠᠷᠠᠭᠤᠯᠵᠦ᠂ ᠬᠢᠨᠠᠨ ᠰᠢᠯᠭᠠᠵᠤ ᠱᠠᠩᠨᠠᠨ ᠲᠤᠷᠭᠠᠬᠤ ᠲᠦᠷᠢᠮ ᠢ ᠬᠡᠷᠡᠭᠵᠢᠬᠦᠯᠵᠤ᠂ ︽ᠠᠷᠪᠠ ᠶᠢ ᠪᠦᠷᠬᠦᠬᠦᠯᠬᠦ︾ ᠡᠭᠦᠷᠭᠡ ᠪᠠᠨ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠨ᠎ᠠ᠃     ︵ᠭᠤᠷᠪᠠ︶ ᠭᠦᠭᠵᠢᠯᠳᠡ ᠶᠢ ᠬᠠᠮᠳᠦ ᠳᠠᠭᠠᠨ ᠡᠳ᠋ᠯᠡᠬᠦ ᠶᠢ ᠪᠠᠷᠢᠮᠳᠠᠯᠠᠵᠦ᠂ ᠭᠦᠭᠵᠢᠯᠳᠡ ᠶᠢᠨ ᠦᠷ᠎ᠡ ᠠᠰᠢᠭ ᠢ ᠨᠡᠩ ᠤᠯᠠᠨ ᠠᠷᠠᠳ ᠲᠤ ᠭᠦᠷᠳᠡᠬᠡᠨ᠎ᠡ᠃ ᠠᠷᠡᠳ ᠲᠤ ᠠᠰᠢᠭ ᠭᠦᠷᠳᠡᠭᠡᠬᠦ ᠶᠢ ᠠᠯᠢᠪᠠ ᠠᠵᠢᠯ ᠤᠨ ᠣᠷᠢᠳᠠᠯ ᠨᠦᠬᠦᠴᠡᠯ ᠪᠣᠯᠭᠠᠵᠦ᠂ ᠨᠡᠩ ᠦᠨᠳᠦᠷ ᠪᠠᠷᠢᠮᠵᠢᠶ᠎ᠠ ᠪᠠᠷ ᠪᠦᠬᠦ ᠬᠤᠰᠢᠭᠤᠨ ᠤ ᠠᠷᠠᠳ ᠲᠦᠮᠡᠨ ᠳᠤ ᠪᠣᠳᠠᠲᠠᠢ ᠠᠵᠢᠯ ᠬᠢᠵᠦ᠂ ᠭᠦᠴᠢᠷᠳᠡᠯ ᠢ ᠨᠢ ᠰᠢᠢᠳᠪᠦᠷᠢᠯᠡᠨ᠂ ᠵᠣᠯ ᠵᠢᠷᠭᠠᠯ ᠢ ᠡᠳ᠋ᠯᠡᠬᠦᠯᠦᠨ᠎ᠡ᠃     — — ᠶᠠᠳᠠᠭᠤ ᠠᠴᠠ ᠠᠩᠬᠢᠵᠢᠷᠠᠭᠤᠯᠬᠤ ᠰᠢᠪᠳᠦᠯᠦᠯᠳᠡ ᠶᠢᠨ ᠠᠵᠢᠯ ᠢ ᠡᠷᠡᠰ ᠨᠠᠶᠢᠳᠠᠪᠤᠷᠢᠵᠢᠭᠤᠯᠤᠨ᠎ᠠ᠃ ︽ᠵᠢᠷᠭᠤᠭᠠᠨ ᠣᠨᠣᠪᠴᠢᠲᠠᠢ︾᠂ ︽ᠲᠠᠪᠣᠨ ᠨᠢᠭᠡ ᠪᠦᠯᠦᠭ︾᠎ ᠤᠨ ᠨᠠᠷᠢᠯᠢᠭ ᠤᠨᠤᠪᠴᠢᠳᠠᠢ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ ᠦᠯᠡᠳᠡᠵᠤ ᠪᠠᠶᠢᠭ᠎ᠠ 786 ᠬᠦᠮᠦᠨ ᠠᠮᠠ ᠶᠢ ᠵᠢᠯ ᠎ ᠤᠨ ᠡᠴᠤᠰ ᠪᠤᠯᠬᠤ ᠳᠤ ᠶᠠᠳᠠᠭᠤ ᠠᠩᠬᠢᠵᠢᠷᠠᠭᠤᠯᠬᠤ ᠶᠢ ᠪᠠᠳᠤᠯᠠᠵᠤ᠂ ︽ᠭᠦᠮᠦᠨ ᠨᠢ ᠶᠠᠳᠠᠭᠤ ᠠᠴᠠ ᠠᠩᠬᠢᠵᠢᠷᠠᠬᠤ ᠂ ᠬᠤᠰᠢᠭᠤ ᠨᠢ ᠣᠷᠣᠨ ᠤ ᠲᠡᠰ ᠤᠨ ᠶᠠᠳᠠᠭᠤ ᠶᠢᠨ ᠮᠠᠯᠠᠭᠠᠢ ᠪᠠᠨ ᠲᠠᠶᠠᠭᠳᠠᠬᠤ︾ ᠬᠠᠷᠠᠯᠳᠠ ᠶᠢ ᠪᠡᠶᠡᠯᠡᠭᠦᠯᠦᠨ᠎ᠡ᠃ ︽ᠭᠤᠷᠪᠠ ᠶᠢ ᠭᠠᠴᠠᠭᠠᠨ ᠳᠤ ᠭᠦᠷᠭᠡᠬᠦ᠂ ᠭᠤᠷᠪᠠ ᠶᠢ ᠡᠷᠦᠭᠡ ᠳᠤ ᠭᠦᠷᠭᠡᠬᠦ︾ ᠶᠠᠳᠠᠭᠤ ᠶᠢ ᠲᠡᠳᠬᠦᠬᠦ ᠲᠦᠷᠦᠯ ᠵᠦᠢᠯ ᠢ ᠭᠤᠣᠯᠳᠠᠯᠭ᠎ᠠ ᠲᠠᠢ ᠭᠡᠷᠡᠭᠵᠢᠭᠦᠯᠵᠦ᠂ 113 ᠭᠦᠮᠦᠨ ᠢ ᠶᠠᠳᠠᠭᠤ ᠶᠢ ᠳᠡᠳᠬᠦᠨ ᠨᠡᠬᠦᠯᠭᠡᠨ ᠰᠢᠯᠵᠢᠬᠦᠯᠬᠦ ᠳᠦᠷᠦᠯ ᠵᠦᠢᠯ ᠢᠶᠠᠷ ᠳᠡᠳᠬᠦᠨ᠎ᠡ᠃ ᠮᠦᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ ᠶᠢ 5000 ᠲᠦᠮᠡᠨ ᠲᠦᠭᠦᠷᠢᠭ ᠲᠠᠯᠪᠢᠵᠦ᠂ ᠭᠠᠴᠠᠭᠠᠨ ᠳᠠᠭᠠᠨ ᠦᠢᠯᠡᠳᠪᠤᠷᠢᠯᠡᠯ ᠡᠵᠡᠩᠨᠡᠯᠳᠡ ᠶᠢᠨ ᠴᠢᠳᠠᠪᠤᠷᠢ ᠲᠠᠢ ᠶᠠᠳᠠᠭᠤ ᠬᠦᠴᠢᠷᠳᠡᠯᠳᠡᠢ ᠡᠷᠦᠭᠡ᠂ ᠮᠠᠯᠴᠢᠳ ᠤᠨ ᠳᠤᠰᠬᠠᠶᠢᠵᠢᠭᠰᠠᠨ ᠬᠤᠷᠰᠢᠵᠢᠶᠡᠯ ᠪᠠ ᠶᠠᠳᠠᠭᠤ ᠶᠢ ᠲᠡᠳᠬᠦᠬᠦ ᠲᠣᠯᠣᠭᠠᠶᠢᠯᠠᠭᠴᠢ ᠠᠵᠦ ᠠᠬᠤᠶᠢᠯᠠᠯ ᠢ ᠭᠤᠣᠯᠳᠠᠯᠭ᠎ᠠ ᠲᠠᠢ ᠲᠡᠮᠵᠢᠨ᠎ᠡ᠃ ᠰᠣᠷᠭᠠᠨ ᠭᠦᠮᠦᠵᠢᠯ ᠪᠠ ᠡᠷᠡᠭᠦᠯ ᠬᠠᠮᠠᠭᠠᠯᠠᠯ ᠤᠨ ᠶᠠᠳᠠᠭᠤ ᠶᠢ ᠲᠡᠳᠬᠦᠬᠦ ᠢᠨᠵᠧᠨᠧᠷᠢᠭ ᠢ ᠲᠦᠯᠬᠢᠨ ᠠᠬᠢᠭᠤᠯᠵᠦ᠂ ᠶᠠᠳᠠᠭᠤ ᠭᠦᠴᠢᠷᠳᠡᠯᠲᠠᠢ ᠭᠦᠮᠦᠨ ᠠᠮᠠ ᠶᠢᠨ ᠪᠣᠯᠪᠠᠰᠣᠷᠠᠯ ᠬᠦᠮᠦᠵᠢᠯ ᠤᠨ ᠬᠦᠴᠦᠯᠡᠴᠡ ᠪᠠᠨ ᠴᠢᠩᠭᠠᠳᠬᠠᠵᠤ᠂ ᠶᠠᠳᠠᠭᠤ ᠮᠠᠯᠴᠢᠳ ᠤᠨ ᠳᠠᠩᠰᠠ ᠪᠤᠳᠤᠨ ᠮᠠᠯ ᠮᠠᠯᠵᠢᠬᠤ᠂ ᠬᠡᠷ ᠪᠦᠯᠢ ᠶᠢᠨ ᠤᠷᠤᠯᠭ᠎ᠠ ᠵᠠᠷᠤᠯᠭ᠎ᠠ ᠪᠠᠨ ᠵᠤᠬᠢᠴᠠᠭᠤᠯᠬᠤ ᠴᠢᠳᠠᠪᠦᠷᠢ ᠶᠢ ᠲᠡᠭᠡᠭᠰᠢᠯᠡᠭᠦᠯᠦᠨ᠎ᠡ᠃ ᠲᠣᠣᠷ᠎ᠠ ᠪᠠᠳᠣᠯᠠᠭ᠎ᠠ ᠶᠢᠨ ᠬᠡᠪᠴᠢᠶᠡᠨ ᠳᠤ ᠪᠠᠭᠳᠠᠬᠤ ᠦᠭᠡᠢ ᠲᠠᠩᠰᠠ ᠡᠪᠬᠡᠮᠡᠯ ᠳᠤ ᠣᠷᠣᠭᠰᠠᠨ ᠶᠠᠳᠠᠭᠤ ᠡᠷᠦᠭᠡ ᠶᠢᠨ ᠦᠷ᠎ᠡ ᠭᠡᠣᠭᠡᠳ ᠤᠨ ᠠᠵᠢᠯ ᠮᠡᠷᠬᠡᠵᠢᠯ ᠤᠨ ᠰᠣᠷᠭᠠᠨ ᠭᠦᠮᠦᠵᠢᠯ ᠭᠦᠷᠳᠡᠬᠦ ᠶᠢ ᠭᠤᠣᠯᠳᠠᠯᠭ᠎ᠠ ᠲᠠᠢ ᠳᠡᠮᠵᠢᠨ᠎ᠡ᠃ ᠶᠠᠳᠠᠭᠤ ᠶᠢ ᠳᠡᠳᠬᠦᠬᠦ ᠠᠷᠭ᠎ᠠ ᠠᠪᠴᠠᠯ ᠢᠶᠠᠨ ᠰᠢᠨᠡᠳᠬᠡᠨ᠂ ᠰᠤᠮᠤ ᠪᠠᠯᠭᠠᠰᠤ᠂ ᠭᠠᠴᠠᠭ᠎ᠠ ᠬᠤᠶᠠᠷ ᠱᠠᠳᠤ ᠬᠠᠮᠳᠤᠪᠡᠷ ᠬᠠᠷᠢᠭᠤᠴᠠᠬᠤ ᠠᠷᠭ᠎ᠠ ᠵᠠᠮ ᠢ ᠰᠦᠪᠡᠭᠴᠢᠯᠡᠵᠦ᠂ ᠭᠠᠴᠠᠭᠠᠨ ᠤ ᠬᠠᠮᠳᠤ᠂ ᠮᠠᠯᠵᠢᠯ ᠤᠨ ᠲᠤᠮᠤ ᠡᠷᠦᠬᠡ᠂ ᠲᠤᠰᠬᠠᠢ ᠬᠤᠷᠰᠢᠶᠠᠵᠢᠯ ᠵᠡᠷᠬᠡ ᠡᠵᠡᠩᠨᠡᠯᠳᠡ ᠤᠨ ᠭᠤᠤᠯ ᠴᠤᠭᠴᠠ ᠠᠴᠠ ᠨᠤᠲᠤᠭ ᠪᠡᠯᠴᠢᠬᠡᠷ ᠢ ᠳᠠᠭᠠᠭᠠᠵᠤ ᠬᠠᠮᠢᠶᠠᠷᠬᠤ᠂ ᠮᠠᠯ ᠰᠦᠷᠦᠭ ᠢ ᠳᠠᠭᠠᠭᠠᠵᠤ ᠮᠠᠯᠵᠢᠬᠤ᠂ ᠮᠠᠯᠴᠢᠳ ᠨᠤᠲᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠪᠠᠷ ᠬᠤᠪᠢ ᠤᠷᠤᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠮᠠᠯᠵᠢᠬᠤ ᠤᠷᠤᠨ ᠤ ︽ᠠᠯᠵᠠᠭᠤ ᠵᠠᠯᠬᠠᠭᠤ︾ ᠶᠠᠳᠠᠭᠤ ᠡᠷᠦᠬᠡ ᠶᠢᠨ ᠨᠤᠲᠤᠭ ᠪᠡᠯᠴᠢᠬᠡᠷ ᠮᠠᠯ ᠰᠦᠷᠦᠭ ᠵᠡᠷᠬᠡ ᠦᠢᠯᠡᠳᠪᠦᠷᠢᠯᠡᠯ ᠤᠨ ᠡᠯᠧᠮᠧᠨ᠋ᠲ ᠶᠢ ᠳᠠᠭᠠᠭᠠᠨ ᠬᠠᠮᠢᠶᠠᠷᠴᠦ᠂ ᠶᠠᠳᠠᠭᠤ ᠬᠦᠮᠦᠰ ᠢ ᠮᠠᠯᠵᠢᠬᠤ ᠤᠷᠤᠨ ᠤ ᠶᠡᠷᠥᠩᠬᠡᠶᠢᠯᠡᠭᠰᠡᠨ ᠦᠢᠯᠡᠳᠪᠦᠷᠢᠯᠡᠯ ᠤᠨ ᠦᠢᠯᠡᠴᠢᠯᠡᠬᠡᠨ ᠳᠤ ᠤᠷᠤᠯᠴᠠᠭᠤᠯᠵᠤ᠂ ᠶᠠᠳᠠᠭᠤ ᠬᠦᠮᠦᠰ ᠢ ᠳᠠᠶᠢᠴᠢᠯᠠᠨ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠵᠤ᠂ ᠪᠦᠬᠦ ᠨᠡᠶᠢᠬᠡᠮ ᠢᠶᠠᠷ ᠬᠠᠮᠳᠤᠪᠡᠷ ᠶᠠᠳᠠᠭᠤ ᠶᠢ ᠳᠡᠳᠬᠦᠬᠦ ᠰᠢᠪᠳᠤᠯᠤᠯᠳᠠ ᠳᠤ ᠤᠷᠤᠯᠴᠠᠭᠰᠠᠨ ᠰᠢᠨ᠎ᠡ ᠵᠤᠬᠢᠴᠠᠮᠵᠢ ᠶᠢ ᠪᠦᠷᠢᠯᠳᠦᠭᠦᠯᠦᠨ᠎ᠡ᠃     — — ᠦᠢᠯᠡᠰ ᠪᠣᠰᠬᠠᠵᠦ ᠠᠵᠢᠯ ᠣᠯᠭᠤᠬᠤ ᠠᠵᠢᠯ ᠶᠢ ᠯᠠᠪᠳᠠᠭᠤᠨ ᠪᠠᠳᠤᠳᠠᠢ ᠪᠠᠷ ᠲᠦᠯᠬᠢᠨ ᠠᠬᠢᠭᠤᠯᠣᠨ᠎ᠠ ᠃ ︽ᠣᠯᠠᠨ ᠪᠠᠷ ᠢᠶᠠᠨ ᠦᠢᠯᠡᠰ ᠪᠣᠰᠬᠠᠵᠦ᠂ ᠪᠦᠭᠦᠳᠡᠭᠡᠷ ᠢᠶᠠᠷ ᠢᠶᠠᠨ ᠰᠢᠨ᠎ᠡ ᠶᠢ ᠡᠭᠦᠳᠬᠦ︾᠎ ᠶᠢ ᠲᠦᠯᠬᠢᠨ ᠠᠬᠢᠭᠤᠯᠵᠦ᠂ ᠠᠵᠢᠯ ᠣᠯᠭᠤᠯᠳᠠ ᠶᠢᠨ ᠲᠦᠷᠦ ᠶᠢᠨ ᠪᠣᠳᠣᠯᠭ᠎ᠠ ᠶᠢ ᠨᠡᠩ ᠢᠳᠡᠪᠬᠢᠳᠡᠢ ᠭᠡᠷᠡᠭᠵᠢᠭᠦᠯᠵᠦ᠂ ᠭᠦᠳᠡᠯᠮᠦᠷᠢᠴᠢᠳ ᠤᠨ ᠦᠪᠡᠷᠳᠡᠭᠡᠨ ᠠᠵᠢᠯ ᠦᠢᠯᠡᠰ ᠰᠣᠩᠭᠤᠬᠤ᠂ ᠵᠠᠬ᠎ᠠ ᠲᠡᠯᠭᠡᠭᠦᠷ ᠠᠴᠠ ᠲᠣᠬᠢᠷᠠᠭᠤᠯᠣᠨ ᠠᠵᠢᠯ ᠣᠯᠭᠤᠬᠤ ᠪᠠ ᠵᠠᠰᠠᠭ ᠤᠨ ᠣᠷᠳᠣᠨ ᠠᠴᠠ ᠠᠵᠢᠯ ᠣᠯᠭᠤᠯᠳᠠ ᠶᠢᠨ ᠤᠷᠳᠦ ᠬᠤᠭᠤᠴᠠᠭᠠᠨ ᠤ ᠵᠤᠬᠢᠵᠠᠮᠵᠢ ᠶᠢ ᠳᠦᠯᠬᠢᠨ ᠠᠬᠢᠭᠤᠯᠤᠨ᠎ᠠ᠃ ︽ᠭᠤᠷᠪᠠᠨ ᠦᠨᠡᠮᠯᠡᠯ ᠢ ᠨᠢᠭᠡᠳᠬᠡᠬᠦ︾᠂ ︽ᠨᠢᠭᠡ ᠦᠨᠡᠮᠯᠡᠯ ᠨᠢᠭᠡ ᠨᠣᠮᠧᠷ︾ ᠵᠡᠷᠬᠡ ᠠᠷᠠᠯᠵᠢᠶᠠᠨ ᠤ ᠶᠠᠪᠤᠳᠠᠯ ᠤᠨ ᠦᠭᠡᠷᠡᠴᠢᠯᠡᠯᠳᠡ ᠶᠢᠨ ᠦᠷ᠎ᠡ ᠪᠦᠳᠦᠮᠵᠢ ᠶᠢ ᠪᠠᠬᠢᠵᠢᠬᠦᠯᠵᠦ᠂ ᠡᠯᠧᠺᠲᠷᠣᠨ ᠡᠵᠡᠩᠨᠡᠯᠳᠡ ᠶᠢᠨ ᠦᠨᠡᠮᠯᠡᠯ ᠪᠠ ᠦᠢᠯᠡᠳᠪᠦᠷᠢ ᠬᠤᠳᠠᠯᠳᠤᠭ᠎ᠠ ᠶᠢᠨ ᠲᠠᠩᠰᠠᠯᠠᠬᠤ ᠪᠦᠬᠦ ᠶᠠᠪᠣᠴᠠ ᠶᠢᠨ ᠺᠤᠮᠫᠢᠦ᠋ᠲ᠋ᠧᠷᠴᠢᠯᠠᠯᠳᠠ ᠶᠢ ᠲᠦᠯᠬᠢᠨ ᠠᠬᠢᠭᠤᠯᠵᠦ᠂ ᠵᠠᠬ᠎ᠠ ᠲᠡᠯᠭᠡᠭᠦᠷ ᠤᠨ ᠠᠮᠢᠵᠢᠷᠠᠯ ᠤᠨ ᠭᠦᠴᠦᠨ ᠢ ᠪᠠᠳᠠᠷᠠᠭᠤᠯᠣᠨ᠎ᠠ᠃ ᠠᠵᠢᠯ ᠮᠡᠷᠭᠡᠵᠢᠯ ᠤᠨ ᠪᠣᠯᠪᠠᠰᠣᠷᠠᠯ ᠪᠠ ᠦᠢᠯᠡᠰ ᠪᠤᠰᠬᠠᠬᠤ ᠪᠤᠯᠪᠠᠰᠤᠷᠠᠯ ᠢ ᠴᠢᠩᠭᠠᠳᠬᠠᠵᠤ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ ᠬᠦᠭᠵᠢᠬᠦᠯᠬᠦ ᠪᠤᠶᠤ ᠬᠤᠳᠠᠯᠳᠤᠨ ᠠᠪᠴᠤ᠂ ᠦᠢᠯᠡᠰ ᠪᠦᠳᠦᠭᠡᠬᠦ ᠲᠣᠭᠤᠷᠢᠭ ᠤᠨ ᠨᠢᠭᠡᠳᠬᠡᠨ ᠰᠢᠩᠭᠡᠬᠦ ᠦᠢᠯᠡᠳᠦᠯ ᠢ ᠭᠦᠢᠴᠡᠳ ᠪᠠᠳᠠᠷᠠᠭᠤᠯᠵᠦ᠂ ᠶᠡᠭᠡ ᠰᠤᠷᠭᠠᠭᠤᠯᠢ ᠠᠴᠠ ᠲᠡᠭᠦᠰᠦᠭᠰᠡᠨ ᠣᠶᠣᠳᠠᠳ᠂ ᠣᠨᠴᠠᠭᠠᠶᠢᠯᠠᠨ ᠮᠣᠩᠭᠤᠯ ᠬᠡᠯᠡ ᠪᠠᠷ ᠪᠢᠴᠢᠭ ᠦᠵᠡᠭᠰᠡᠨ ᠪᠠ ᠶᠠᠳᠠᠭᠤ ᠭᠦᠴᠢᠷᠳᠡᠯᠲᠠᠢ ᠭᠡᠷ ᠪᠦᠯᠢ ᠶᠢᠨ ᠣᠶᠣᠳᠠᠳ ᠤᠨ ᠠᠵᠢᠯ ᠣᠯᠭᠤᠯᠳᠠ ᠶᠢ ᠲᠦᠯᠬᠢᠨ ᠠᠬᠢᠭᠤᠯᠤᠨ᠂ ᠬᠤᠲᠠ ᠤᠷᠤᠭᠰᠡᠨ ᠮᠡᠯᠴᠢᠳ ᠪᠠ ᠬᠤᠳᠠ ᠪᠠᠯᠭᠠᠰᠣᠨ ᠤ ᠠᠵᠢᠯ ᠣᠯᠬᠤ ᠳᠤ ᠭᠦᠴᠢᠷᠳᠡᠯᠲᠠᠢ ᠭᠦᠮᠦᠰ ᠤᠨ ᠠᠵᠢᠯ ᠣᠯᠭᠤᠯᠳᠠ ᠶᠢᠨ ᠠᠵᠢᠯ ᠢ ᠰᠠᠶᠢᠳᠦᠷ ᠬᠢᠨ᠎ᠡ᠃ 2000 ᠲᠦᠮᠡᠨ ᠲᠦᠭᠦᠷᠢᠭ ᠠᠴᠠ ᠲᠡᠭᠡᠭᠰᠢᠬᠢ ᠦᠢᠯᠡᠰ ᠪᠦᠳᠦᠭᠡᠬᠦ ᠪᠠᠳᠤᠯᠠᠭᠠᠨ ᠤ ᠵᠢᠭᠡᠯᠡᠯᠭᠡ ᠶᠢ ᠲᠠᠯᠪᠢᠵᠦ᠂ 1180 ᠬᠦᠮᠦᠨ ᠳᠤ ᠠᠵᠢᠯ ᠮᠡᠷᠭᠡᠵᠢᠯ ᠤᠨ ᠪᠤᠯᠪᠠᠰᠤᠷᠠᠯ ᠬᠦᠷᠳᠡᠭᠡᠵᠤ᠂ 140 ᠭᠦᠮᠦᠨ ᠳᠤ ᠦᠢᠯᠡᠰ ᠪᠦᠳᠦᠭᠡᠬᠦ ᠪᠣᠯᠪᠠᠰᠣᠷᠠᠯ ᠢ ᠬᠦᠷᠳᠡᠬᠡᠬᠦ ᠶᠢ ᠪᠡᠶᠡᠯᠡᠬᠦᠯᠦᠨ᠎ᠡ᠃ ᠨᠢᠭᠡ ᠭᠡᠷ ᠪᠦᠯᠢ ᠳᠤ ᠠᠳᠠᠭ ᠲᠠᠭᠠᠨ ᠨᠢᠭᠡ ᠬᠦᠮᠦᠨ ᠳᠤ ᠠᠵᠢᠯ ᠤᠯᠭᠤᠬᠤ ᠶᠢ ᠪᠠᠳᠣᠯᠠᠵᠦ᠂ ᠬᠤᠲᠠ ᠪᠠᠯᠭᠠᠰᠤᠨ ᠤ 750 ᠬᠦᠮᠦᠨ ᠳᠤ ᠰᠢᠨ᠎ᠡ ᠪᠠᠷ ᠠᠵᠢᠯ ᠤᠯᠭᠤᠵᠤ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠨᠤᠷᠮ᠎ᠠ ᠶᠢ 2%᠎ ᠶᠢᠨ ᠲᠤᠳᠤᠷ᠎ᠠ ᠬᠢᠵᠠᠭᠠᠷᠯᠠᠨ᠎ᠠ᠃     — — ᠨᠡᠶᠢᠭᠡᠮ ᠤᠨ ᠪᠠᠳᠣᠯᠠᠭᠠᠨ ᠤ ᠠᠮᠦᠷ ᠲᠦᠪᠰᠢᠨ ᠤ ᠰᠦᠯᠵᠢᠶ᠎ᠡ ᠶᠢ ᠪᠠᠬᠢᠵᠢᠭᠦᠯᠦᠨ᠎ᠡ᠃ ᠦᠨᠳᠦᠷ ᠪᠠᠷᠢᠮᠵᠢᠶ᠎ᠡ᠂ ᠪᠦᠬᠦᠨ ᠢ ᠪᠦᠷᠬᠦᠬᠦᠯᠬᠦ ᠵᠠᠷᠴᠢᠮ ᠶᠣᠰᠣᠭᠠᠷ᠂ ᠨᠡᠶᠢᠭᠡᠮ ᠤᠨ ᠪᠠᠳᠣᠯᠠᠭᠠᠨ ᠤ ᠰᠢᠰᠲ᠋ᠧᠮ ᠢ ᠲᠠᠰᠣᠷᠠᠯᠳᠠ ᠦᠭᠡᠢ ᠪᠦᠷᠢᠨᠰᠢᠬᠦᠯᠦᠨ᠎ᠡ᠃ ᠪᠦᠬᠦ ᠠᠷᠠᠳ ᠢ ᠲᠠᠭᠠᠳᠬᠠᠯ ᠳᠤ ᠤᠷᠤᠯᠴᠠᠭᠤᠯᠤᠨ ᠲᠠᠩᠰᠠᠯᠠᠭᠤᠯᠬᠤ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠣᠵᠢᠯ ᠤᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠡᠬᠢᠯᠡᠭᠦᠯᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠎ ᠶᠢᠨ ᠨᠡᠶᠢᠭᠡᠮ ᠤᠨ ᠲᠠᠭᠠᠳᠬᠠᠯ ᠤᠨ ᠰᠦᠢᠳᠭᠡᠯ ᠲᠣᠰᠢᠶᠠᠬᠤ ᠠᠷᠭ᠎ᠠ ᠶᠢ ᠲᠦᠷᠢᠮᠵᠢᠭᠦᠯᠦᠨ᠎ᠡ᠃ ᠬᠤᠳᠠ ᠪᠠᠯᠭᠠᠰᠣᠨ ᠎ ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ᠂ ᠡᠮ ᠡᠮᠨᠡᠯᠭᠡ ᠶᠢᠨ ᠲᠠᠭᠠᠳᠬᠠᠯ ᠳᠤ ᠣᠷᠣᠯᠴᠠᠬᠤ ᠨᠣᠷᠮ᠎ᠠ ᠪᠠ ᠬᠤᠳᠠ ᠪᠠᠯᠭᠠᠰᠣᠨ ᠤ ᠲᠣᠣᠷ᠎ᠠ ᠪᠠᠳᠣᠯᠠᠭ᠎ᠠ᠂ ᠮᠠᠯᠵᠢᠬᠤ ᠣᠷᠣᠨ ᠤ ᠲᠠᠪᠣᠨ ᠪᠠᠳᠣᠯᠠᠭᠠᠳᠦ ᠡᠷᠦᠭᠡ ᠶᠢ ᠲᠦᠪᠯᠡᠷᠡᠭᠦᠯᠦᠨ ᠠᠰᠠᠷᠠᠬᠤ ᠪᠠᠷᠢᠮᠵᠢᠶ᠎ᠡ ᠶᠢ ᠲᠡᠭᠡᠭᠰᠢᠯᠡᠭᠦᠯᠣᠨ᠂ ᠮᠠᠯᠵᠢᠬᠤ ᠣᠷᠣᠨ ᠤ ᠨᠠᠰᠣᠵᠢᠯ ᠤᠨ ᠲᠠᠭᠠᠳᠬᠠᠯ ᠳᠤ ᠣᠷᠣᠯᠴᠠᠬᠤ ᠨᠣᠷᠮ᠎ᠠ ᠶᠢ 95%᠎ ᠠᠴᠠ ᠲᠡᠭᠡᠭᠰᠢ ᠳᠤ ᠬᠦᠷᠭᠡᠬᠦ ᠶᠢ ᠪᠠᠳᠤᠯᠠᠨ᠂ ᠮᠠᠯᠵᠢᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠤᠷᠰᠢᠭᠰᠠᠨ ᠡᠮᠨᠡᠯᠭᠡ ᠳᠤ ᠣᠷᠣᠯᠴᠠᠬᠤ ᠨᠣᠷᠮ᠎ᠠ ᠶᠢ 100%᠎ ᠳᠤ ᠭᠦᠷᠭᠡᠵᠦ᠂ ︽ᠲᠠᠪᠣᠨ ᠪᠠᠳᠣᠯᠠᠭᠠᠳᠦ︾᠂ ︽ᠭᠤᠷᠪᠠᠠ ᠦᠭᠡᠢ︾᠂ ᠦᠨᠦᠴᠢᠨ ᠬᠡᠣᠭᠡᠳ ᠵᠡᠷᠭᠡ ᠭᠦᠮᠦᠰ ᠤᠨ ᠠᠰᠠᠷᠠᠮᠵᠢ ᠶᠢᠨ ᠮᠦᠩᠬᠦ ᠶᠢ ᠴᠠᠭ ᠲᠣᠬᠠᠢ ᠳᠤᠨᠢ ᠭᠦᠢᠴᠡᠳ ᠲᠠᠷᠬᠠᠭᠠᠨ᠎ᠠ᠃ ᠦᠨᠳᠦᠷ ᠨᠠᠰᠣᠳᠠᠨ ᠤ ᠨᠦᠬᠦᠪᠦᠷᠢ ᠮᠦᠩᠬᠦ ᠭᠦᠷᠳᠡᠬᠦ ᠨᠠᠰᠣᠨ ᠤ ᠬᠢᠵᠠᠭᠠᠷᠯᠠᠯ ᠢ 77 ᠪᠦᠬᠦᠯᠢ ᠨᠠᠰᠣ ᠪᠤᠯᠭᠠᠨ ᠦᠷᠭᠡᠳᠭᠡᠨ᠎ᠡ᠃ ᠶᠠᠳᠠᠭᠤ ᠶᠢ ᠲᠡᠳᠬᠦᠵᠤ ᠲᠣᠰᠠᠯᠠᠨ ᠲᠡᠮᠵᠢᠭᠦ᠂ ᠪᠠᠴᠢᠮ ᠭᠦᠴᠢᠷᠳᠡᠯ ᠢ ᠠᠪᠣᠷᠠᠨ ᠲᠣᠰᠠᠯᠠᠬᠤ ᠠᠵᠢᠯ ᠢ ᠪᠦᠬᠦ ᠬᠦᠴᠦᠨ ᠢᠶᠠᠷ ᠦᠷᠨᠢᠬᠦᠯᠵᠤ᠂ ᠨᠡᠶᠢᠭᠡᠮ ᠤᠨ ᠠᠪᠣᠷᠠᠨ ᠲᠣᠰᠠᠯᠠᠬᠤ ᠡᠬᠢ ᠰᠣᠷᠪᠣᠯᠵᠢ ᠶᠢ ᠦᠨᠡᠨᠬᠦ ᠭᠦᠴᠢᠷᠲᠡᠯᠲᠠᠢ ᠣᠯᠠᠨ ᠲᠦᠮᠡᠨ ᠳᠤ ᠭᠡᠷᠡᠭᠯᠡᠬᠦ ᠶᠢ ᠪᠠᠳᠣᠯᠠᠨ᠎ᠠ᠃     ︵ᠲᠦᠷᠪᠡ︶ ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠬᠦᠯᠵᠦ᠂ ᠦᠨᠳᠤᠰᠤᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠬᠦᠮᠦᠨ ᠪᠠᠷ ᠦᠨᠳᠦᠰᠦ ᠪᠤᠯᠭᠠᠬᠤ ᠶᠢ ᠪᠠᠷᠢᠮᠳᠠᠯᠠᠨ᠂ ᠰᠤᠶᠤᠯ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠵᠡᠷᠭᠡ ᠦᠢᠯᠡᠰ ᠤᠨ ᠪᠦᠬᠦ ᠲᠠᠯ᠎ᠠ ᠶᠢᠨ ᠬᠦᠭᠵᠢᠯᠳᠠ ᠶᠢ ᠲᠦᠯᠬᠢᠨ ᠠᠬᠢᠭᠤᠯᠵᠦ᠂ ᠠᠷᠠᠳ ᠤᠯᠠᠨ ᠤ ᠤᠯᠠᠨ ᠡᠰᠢᠳᠤ ᠨᠡᠶᠢᠳᠠ ᠶᠢᠨ ᠦᠢᠯᠡᠴᠢᠯᠡᠭᠡᠨ ᠤ ᠱᠠᠭᠠᠷᠳᠠᠯᠭ᠎ᠠ ᠶᠢ ᠬᠠᠩᠭᠠᠬᠤ ᠬᠡᠷᠡᠭᠳᠠᠢ᠃     — — ᠰᠤᠷᠭᠠᠨ ᠬᠦᠮᠦᠵᠢᠯ ᠤᠨ ᠦᠢᠯᠡᠰ ᠤᠨ ᠲᠡᠩᠴᠡᠭᠦᠷᠢᠲᠠᠢ ᠬᠦᠭᠵᠢᠯᠳᠡ ᠶᠢ ᠠᠬᠢᠭᠤᠯᠤᠨ᠎ᠠ᠃ ᠰᠠᠭᠤᠷᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠭᠤᠷᠪᠠᠨ ᠵᠢᠯ ᠤᠨ ᠬᠦᠳᠡᠯᠭᠡᠭᠡᠨ ᠤ ᠲᠦᠯᠦᠪᠯᠡᠯᠭᠡ ᠎ ᠶᠢ ᠨᠠᠷᠢᠨ ᠬᠢᠨᠠᠮᠠᠭᠠᠢ ᠲᠤᠤᠱᠯᠠᠭᠤᠯᠵᠦ᠂ ᠬᠢᠴᠢᠶᠡᠯ ᠤᠨ ᠲᠢᠩᠬᠢᠮ ᠤᠨ ᠰᠤᠷᠭᠠᠨ ᠬᠦᠮᠦᠵᠢᠯ ᠤᠨ ᠦᠬᠡᠷᠡᠴᠢᠯᠡᠯᠳᠠ ᠶᠢ ᠬᠦᠨᠵᠡᠬᠡᠢ ᠲᠦᠯᠬᠢᠨ ᠠᠬᠢᠭᠤᠯᠵᠦ᠂ 2 ᠰᠠᠭᠤᠷᠢ ᠰᠤᠷᠭᠠᠭᠤᠯᠢ ᠶᠢ ᠰᠤᠩᠭᠤᠵᠦ᠂ ︽ᠲᠤᠮᠳᠠᠳᠤ ᠪᠠᠭ᠎ᠠ ᠰᠤᠷᠭᠠᠭᠤᠯᠢ ᠎ ᠶᠢᠨ ᠬᠠᠮᠳᠤᠪᠡᠷ ᠬᠢᠴᠢᠶᠡᠯ ᠪᠡᠯᠡᠳᠭᠡᠬᠦ︾᠂ ︽ᠲᠠᠪᠬᠤᠷᠭ᠎ᠠ ᠬᠤᠪᠢᠶᠠᠨ ᠬᠠᠮᠳᠤᠷᠠᠯᠴᠠᠨ ᠰᠤᠷᠤᠯᠴᠠᠬᠤ︾ ᠵᠡᠷᠭᠡ ᠵᠢᠭᠠᠨ ᠰᠤᠷᠭᠠᠬᠤ ᠬᠡᠯᠪᠡᠷᠢ ᠶᠢᠨ ᠲᠤᠷᠰᠢᠯᠳᠠ ᠶᠢᠨ ᠴᠢᠭ ᠤᠨ ᠠᠵᠢᠯ ᠢ ᠦᠷᠨᠢᠬᠦᠯᠦᠨ᠎ᠡ᠃ ᠰᠤᠷᠭᠠᠨ ᠬᠦᠮᠦᠵᠢᠯ ᠬᠦᠭᠵᠢᠭᠰᠡᠨ ᠤᠷᠤᠨ ᠲᠠᠢ ᠬᠠᠷᠢᠴᠠᠭ᠎ᠠ ᠬᠤᠯᠪᠤᠭ᠎ᠠ ᠪᠠᠨ ᠦᠷᠬᠦᠯᠵᠢᠯᠡᠨ ᠴᠢᠩᠭᠠᠳᠬᠠᠵᠦ᠂ ︽ᠭᠠᠳᠠᠭᠰᠢ ᠰᠣᠷᠣᠯᠴᠠᠬᠤ᠂ ᠮᠡᠷᠬᠡᠵᠢᠯᠳᠡᠨ ᠤᠷᠢᠬᠤ︾ ᠵᠡᠷᠬᠡ ᠠᠷᠭ᠎ᠠ ᠠᠪᠴᠠᠯ ᠢᠶᠠᠷ ᠪᠦᠬᠦ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠪᠦᠬᠦ ᠪᠠᠭᠰᠢᠨᠠᠷ ᠲᠤ ᠪᠤᠯᠪᠠᠰᠤᠷᠠᠯ ᠬᠢᠨ᠎ᠡ᠃ ᠳᠤᠮᠳᠠ ᠪᠠᠭ᠎ᠠ ᠰᠣᠷᠭᠠᠭᠤᠯᠢ ᠶᠢᠨ ᠪᠠᠭᠰᠢ ᠪᠠ ᠬᠡᠤᠭᠡᠳ ᠤᠨ ᠴᠡᠴᠡᠷᠯᠢᠭ ᠤᠨ ᠪᠠᠭᠰᠢ ᠶᠢ ᠢᠯᠡ ᠪᠠᠷ ᠡᠯᠰᠡᠵᠦ᠂ ᠪᠠᠭᠰᠢ ᠶᠢᠨ ᠡᠩᠨᠡᠭᠡ ᠶᠢᠨ ᠪᠦᠲᠦᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠨ᠎ᠠ᠃ ᠰᠤᠷᠭᠠᠭᠤᠯᠢ ᠶᠢᠨ ᠬᠦᠷᠢᠶᠡᠨ ᠤ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠵᠦ᠂ ᠦᠨᠤ ᠵᠢᠯ ᠮᠠᠨᠳᠤᠯ᠎ᠠ ᠪᠠᠭ᠎ᠠ ᠰᠤᠷᠭᠠᠭᠤᠯᠢ ᠪᠤᠯᠤᠨ ᠦᠨᠳᠤᠰᠤᠳᠠᠨ ᠤ ᠬᠡᠤᠬᠡᠳ ᠤᠨ ᠴᠡᠴᠡᠷᠯᠢᠭ ᠢ ᠪᠦᠳᠦᠭᠡᠨ ᠪᠠᠶᠢᠭᠤᠯᠤᠨ ᠠᠰᠢᠭᠯᠠᠯᠳᠠ ᠳᠤ ᠤᠷᠤᠭᠤᠯᠵᠦ᠂ 2016 ᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠠᠢ ᠬᠦᠭᠵᠢᠯᠳᠠ ᠶᠢᠨ ᠠᠵᠢᠯ ᠢ ᠤᠯᠤᠰ ᠤᠨ ᠨᠤᠳᠠᠯᠠᠯᠳᠠ ᠶᠢ ᠦᠩᠭᠡᠷᠡᠬᠦᠯᠬᠦ ᠶᠢ ᠪᠠᠳᠤᠯᠠᠨ᠎ᠠ᠃ ᠦᠨᠳᠤᠰᠤᠳᠠᠨ ᠤ ᠤᠨᠴᠠᠯᠢᠭ ᠲᠠᠢ ᠰᠤᠷᠭᠠᠨ ᠬᠦᠮᠦᠵᠢᠯ ᠢ ᠭᠤᠤᠯᠳᠠᠯᠭ᠎ᠠ ᠲᠠᠢ ᠠᠳᠬᠤᠵᠦ᠂ ᠦᠨᠳᠤᠰᠤᠳᠠᠨ ᠤ ᠰᠤᠷᠭᠠᠨ ᠬᠦᠮᠦᠵᠢᠯ ᠤᠨ ᠬᠦᠭᠵᠢᠯᠳᠠ ᠶᠢᠨ ᠬᠢᠷᠢ ᠲᠦᠪᠰᠢᠨ ᠢ ᠳᠡᠬᠡᠭᠰᠢᠯᠡᠬᠦᠯᠦᠨ᠎ᠡ᠃ ᠰᠤᠷᠭᠠᠭᠤᠯᠢ ᠠᠵᠦ ᠠᠬᠤᠶᠢᠯᠠᠯ ᠤᠨ ᠬᠠᠮᠳᠤᠷᠠᠯᠴᠠᠯ᠂ ᠦᠢᠯᠡᠳᠪᠦᠷᠢᠯᠡᠯ ᠪᠠ ᠵᠢᠭᠠᠨ ᠰᠤᠷᠭᠠᠯᠳᠠ ᠶᠢ ᠤᠶᠠᠯᠳᠤᠭᠤᠯᠤᠭᠰᠠᠨ ᠤᠳᠤᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠎ ᠤᠨ ᠪᠦᠳᠦᠭᠡᠨ ᠪᠠᠶᠢᠭᠤᠯᠤᠯᠳᠠ ᠶᠢ ᠲᠦᠷᠬᠡᠳᠬᠡᠵᠦ᠂ ᠰᠤᠷᠤᠭᠴᠢ ᠶᠢᠨ ᠰᠢᠨ᠎ᠠ ᠢ ᠡᠬᠦᠳᠴᠦ ᠦᠢᠯᠡᠰ ᠪᠤᠰᠬᠠᠬᠤ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠦᠮᠦᠵᠢᠬᠦᠯᠬᠦ ᠶᠢ ᠨᠡᠩ ᠢᠯᠡᠬᠦᠦ ᠴᠢᠬᠤᠯᠠᠴᠢᠯᠠᠨ᠎ᠠ᠃ ᠰᠤᠷᠤᠯᠭ᠎ᠠ ᠲᠡᠳᠭᠦᠭᠦ ᠠᠵᠢᠯ ᠢ ᠨᠠᠷᠢᠨ ᠬᠢᠨᠠᠮᠠᠭᠠᠢ ᠦᠷᠨᠢᠬᠦᠯᠵᠦ᠂ ᠶᠠᠳᠠᠭᠤ ᠬᠦᠴᠢᠷᠳᠠᠯᠳᠠᠢ ᠰᠤᠷᠤᠭᠴᠢ ᠶᠢ ᠲᠡᠳᠭᠦᠭᠦ ᠬᠦᠴᠦᠯᠡᠴᠡ ᠪᠠᠨ ᠳᠡᠭᠡᠭᠰᠢᠯᠡᠬᠦᠯᠦᠨ᠎ᠡ᠃ ᠠᠶᠢᠮᠠᠭ ᠤᠨ ᠲᠡᠰ ᠤᠨ ᠬᠦᠯ ᠪᠦᠮᠪᠦᠭᠡ ᠶᠢᠨ ᠤᠨᠴᠠᠯᠢᠭ ᠲᠠᠢ ᠰᠤᠷᠭᠠᠭᠤᠯᠢ 4 ᠰᠠᠭᠤᠷᠢ᠂ ᠦᠪᠡᠷᠳᠡᠬᠡᠨ ᠵᠠᠰᠠᠬᠤ ᠤᠷᠤᠨ ᠤ ᠲᠡᠰ ᠤᠨ 1 ᠰᠠᠭᠤᠷᠢ ᠢ ᠪᠠᠶᠢᠭᠤᠯᠵᠦ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠦᠢᠯᠡᠰ ᠲᠦᠷᠬᠡᠨ ᠬᠦᠭᠵᠢᠬᠦ ᠶᠢ ᠲᠦᠯᠬᠢᠨ ᠠᠬᠢᠭᠤᠯᠤᠨ᠎ᠠ᠃     — — ᠡᠮᠴᠢᠯᠡᠬᠡᠨ ᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠭᠤᠷᠪᠠᠨ ᠱᠠᠳᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠬᠦᠯᠦᠨ᠂ ᠡᠮᠴᠢᠯᠡᠬᠡᠨ ᠤ ᠡᠷᠡᠬᠦᠯ ᠬᠠᠮᠠᠭᠠᠯᠠᠯ ᠤᠨ ᠰᠠᠭᠤᠷᠢ ᠲᠦᠬᠦᠬᠡᠷᠤᠮᠵᠢ ᠶᠢᠨ ᠨᠦᠬᠦᠴᠡᠯ ᠢ ᠰᠠᠶᠢᠵᠢᠷᠠᠭᠤᠯᠵᠦ᠂ ᠮᠤᠩᠭᠤᠯ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠡᠮᠴᠢᠯᠬᠡᠨ ᠤ ᠠᠰᠠᠷ ᠵᠢᠴᠢ ᠮᠤᠩᠭᠤᠯ ᠡᠮ ᠨᠠᠶᠢᠷᠠᠭᠤᠯᠬᠤ ᠬᠡᠷ ᠤᠨ ᠪᠠᠷᠢᠯᠭ᠎ᠠ ᠶᠢ ᠡᠬᠢᠯᠡᠬᠦᠯᠵᠦ᠂ ᠪᠠᠷᠢᠮᠵᠢᠶᠠᠵᠢᠭᠰᠠᠨ 2 ᠰᠠᠭᠤᠷᠢ ᠡᠷᠡᠬᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ᠎ᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠬᠡᠷᠡᠴᠢᠯᠡᠯᠳᠠ ᠶᠢ ᠲᠦᠯᠬᠢᠨ ᠠᠬᠢᠭᠤᠯᠵᠦ᠂ ᠬᠦᠨᠳᠦ ᠡᠪᠡᠳᠴᠢᠨ ᠤ ᠳᠠᠭᠠᠳᠬᠠᠯ ᠶᠢ ᠪᠦᠬᠦ ᠲᠠᠯ᠎ᠠ ᠪᠠᠷ ᠲᠦᠯᠬᠢᠨ ᠬᠡᠷᠡᠭᠵᠢᠭᠦᠯᠵᠦ᠂ ᠭᠤᠤᠯᠯᠠᠭᠴᠢ ᠡᠮᠴᠢ ᠪᠤᠯᠤᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠬᠦ ᠪᠠ ᠤᠷᠢᠵᠤ ᠬᠡᠷᠡᠭᠯᠡᠬᠦ ᠶᠢ ᠴᠢᠩᠭᠠᠳᠬᠠᠨ᠂ ᠬᠦᠳᠡᠭᠡ ᠲᠤᠰᠬᠤᠨ ᠤ ᠡᠮᠴᠢ ᠶᠢᠨ ᠨᠡᠶᠢᠭᠡᠮ ᠤᠨ ᠪᠠᠳᠤᠯᠠᠭ᠎ᠠ ᠪᠤᠯᠤᠨ ᠪᠤᠯᠪᠠᠰᠤᠷᠠᠯ ᠬᠦᠮᠦᠵᠢᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ᠂ ᠦᠨᠳᠦᠰᠤᠨ ᠡᠮ ᠡᠮᠨᠡᠯᠭᠡ ᠶᠢᠨ ᠦᠢᠯᠡᠴᠢᠯᠡᠬᠡᠨ ᠤ ᠴᠢᠨᠠᠷ ᠴᠢᠨᠰᠠᠭ᠎ᠠ ᠪᠤᠯᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠬᠦᠯᠦᠨ᠎ᠡ᠃ ᠲᠦᠯᠦᠪᠯᠡᠯᠭᠡ ᠲᠠᠢ ᠬᠡᠤᠬᠡᠳ ᠠᠪᠬᠤ ᠦᠨᠳᠤᠰᠤᠨ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠂ ᠬᠦᠮᠦᠨ ᠠᠮᠠ ᠶᠢᠨ ᠶᠠᠰᠤ ᠴᠢᠨᠠᠷ ᠢ ᠲᠡᠭᠡᠭᠰᠢᠯᠡᠬᠦᠯᠵᠦ᠂ ᠬᠤᠶᠠᠷ ᠬᠡᠤᠬᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠨᠡᠶᠢᠬᠡᠮ ᠲᠤᠭᠤᠷᠢᠭ ᠤᠨ ᠲᠦᠯᠦᠪᠯᠡᠬᠡᠲᠦ ᠦᠷᠡᠵᠢᠯ ᠤᠨ ᠠᠵᠢᠯᠳᠠᠨ ᠤ ᠬᠠᠮᠢᠶᠠᠷᠤᠯᠳᠠ ᠶᠢ ᠴᠢᠩᠭᠠᠳᠬᠠᠵᠦ᠂ ᠦᠢᠯᠡᠴᠢᠯᠡᠬᠦ ᠬᠢᠷᠢ ᠲᠦᠪᠰᠢᠨ ᠢ ᠰᠠᠶᠢᠵᠢᠷᠠᠭᠤᠯᠤᠨ᠎ᠠ᠃ ᠡᠪᠡᠳᠴᠢᠨ ᠡᠮᠬᠡᠭ ᠤᠨ ᠰᠡᠷᠬᠡᠶᠢᠯᠡᠯᠳᠠ᠂ ᠡᠬᠡ ᠨᠢᠯᠬᠠᠰ ᠤᠨ ᠡᠷᠡᠬᠦᠯ ᠮᠡᠨᠳᠦ ᠪᠤᠯᠤᠨ ᠡᠷᠡᠬᠦᠯ ᠬᠠᠮᠠᠭᠠᠯᠠᠯ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠤᠯᠠᠮ ᠨᠢᠬᠡ ᠠᠯᠬᠤᠮ ᠴᠢᠩᠭᠠᠳᠬᠠᠨ᠎ᠠ᠃     — — ᠰᠤᠶᠤᠯ ᠤᠷᠠᠯᠢᠭ ᠪᠡᠶ᠎ᠡ ᠲᠠᠮᠢᠷ ᠷᠠᠳᠢᠤ᠋ ᠨᠡᠪᠳᠡᠷᠡᠬᠦᠯᠬᠡ ᠺᠢᠨᠤ᠋ ᠲᠧᠯᠸᠢᠰ ᠤᠨ ᠠᠵᠦ ᠦᠢᠯᠡᠰ ᠢ ᠴᠡᠴᠡᠭᠯᠡᠨ ᠬᠦᠭᠵᠢᠬᠦᠯᠦᠨ᠎ᠡ᠃ ᠰᠤᠮᠦ ᠪᠠᠯᠭᠠᠰᠤᠨ ᠤ ᠶᠡᠷᠥᠩᠬᠡᠶᠢᠯᠡᠭᠰᠡᠨ ᠰᠤᠶᠤᠯ ᠤᠨ ᠦᠷᠳᠡᠭᠡ᠂ ᠭᠠᠴᠠᠭᠠᠨ ᠤ ᠰᠤᠶᠤᠯ ᠤᠨ ᠬᠦᠳᠡᠯᠬᠡᠬᠡᠨ ᠤ ᠲᠠᠰᠤᠭ ᠪᠠ ᠲᠠᠯ᠎ᠠ ᠨᠤᠲᠤᠭ ᠤᠨ ᠨᠤᠮ ᠤᠨ ᠦᠷᠦᠭᠡᠨ ᠤ ᠦᠢᠯᠡᠳᠦᠯ ᠢ ᠬᠦᠢᠴᠡᠳ ᠪᠠᠳᠠᠷᠠᠭᠤᠯᠵᠦ᠂ ᠭᠠᠵᠠᠷ ᠳᠡᠬᠡᠷᠡᠬᠢ ᠲᠤᠭᠠᠴᠢᠯᠠᠭᠰᠠᠨ ᠲᠧᠯᠸᠢᠰ ᠤᠨ ᠪᠦᠷᠬᠦᠯᠳᠠ᠂ ᠦᠪᠡᠷᠳᠡᠬᠡᠨ ᠵᠠᠰᠠᠬᠤ ᠤᠷᠤᠨ ᠤ ᠷᠠᠳᠢᠤ᠋ ᠨᠡᠪᠳᠡᠷᠡᠬᠦᠯᠬᠡ ᠺᠢᠨᠤ᠋ ᠲᠧᠯᠸᠢᠰ ᠬᠢᠵᠠᠭᠠᠷ ᠤᠷᠤᠨ ᠳᠤ ᠨᠡᠪᠳᠡᠷᠡᠬᠦ᠂ ᠲᠦᠪ ᠤᠨ ᠷᠠᠳᠢᠤ᠋ ᠲᠧᠯᠸᠢᠰ ᠤᠨ ᠲᠤᠭᠠᠴᠢᠯᠠᠭᠰᠨᠨ ᠪᠦᠷᠬᠦᠴᠡ ᠵᠡᠷᠬᠡ ᠭᠤᠷᠪᠠᠨ ᠶᠡᠭᠡ ᠢᠨᠵᠧᠨᠧᠷᠢᠩ ᠢ ᠰᠠᠶᠢᠳᠤᠷ ᠪᠡᠶᠡᠯᠡᠬᠦᠯᠦᠨ᠎ᠡ᠃ ᠰᠤᠶᠤᠯ ᠤᠨ ᠠᠵᠦ ᠦᠢᠯᠡᠰ ᠤᠨ ᠬᠦᠭᠵᠢᠯᠳᠠ ᠶᠢᠨ ᠰᠠᠭᠤᠷᠢ ᠮᠦᠩᠭᠦ ᠶᠢ ᠢᠳᠡᠪᠬᠢᠳᠠᠢ ᠲᠡᠮᠡᠴᠡᠨ ᠤᠯᠵᠤ᠂ ᠰᠤᠶᠤᠯ ᠤᠨ ᠠᠵᠦ ᠦᠢᠯᠡᠰ ᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠬᠤᠰᠢᠭᠤ ᠪᠠᠶᠢᠭᠤᠯᠤᠭᠳᠠᠭᠰᠠᠨ 70 ᠵᠢᠯ ᠤᠨ ᠤᠢ ᠵᠢᠴᠢ ᠠᠷᠪᠠᠳᠤᠭᠠᠷ ᠬᠤᠭᠤᠴᠠᠭᠠᠨ ᠤ ᠮᠠᠯᠴᠢᠳ ᠤᠨ ᠨᠠᠶᠢᠷ ᠵᠡᠷᠭᠡ ᠡᠯ᠎ᠠ ᠲᠦᠷᠦᠯ ᠤᠨ ᠪᠡᠯᠬᠡᠯᠡᠬᠦ ᠬᠦᠳᠡᠯᠭᠡᠭᠡᠨ ᠢ ᠰᠠᠶᠢᠲᠤᠷ ᠦᠷᠨᠢᠬᠦᠯᠵᠦ᠂ ᠪᠦᠬᠦ ᠤᠷᠤᠨ ᠤ ᠮᠠᠯᠵᠢᠬᠤ ᠤᠷᠤᠨ ᠤ ᠤᠶᠤᠨ ᠤ ᠪᠤᠯᠪᠠᠰᠤᠨ ᠤ ᠠᠬᠤᠢ ᠲᠠᠯᠠᠪᠠᠢ ᠶᠢᠨ ᠬᠤᠷᠠᠯ᠂ ᠪᠦᠬᠦ ᠠᠶᠢᠮᠠᠭ ᠤᠨ ᠬᠤᠶᠠᠷ ᠪᠤᠯᠪᠡᠰᠤᠨ ᠤ ᠪᠦᠳᠦᠭᠡᠨ ᠪᠠᠶᠢᠭᠤᠯᠤᠯᠳᠠ ᠎ ᠶᠢᠨ ᠲᠤᠷᠰᠢᠯᠭ᠎ᠠ ᠰᠤᠯᠢᠯᠴᠠᠬᠤ ᠬᠤᠷᠠᠯ ᠢ ᠰᠠᠶᠢᠳᠤᠷ ᠳᠠᠭᠠᠭᠠᠴᠢᠯᠠᠨ ᠡᠷᠬᠢᠯᠡᠨ᠎ᠡ᠃ ᠦᠨᠳᠤᠷ ᠨᠠᠰᠤᠲᠠᠳ ᠤᠨ ᠨᠠᠰᠤᠨ ᠪᠡᠶᠡᠷ ᠢ ᠪᠡᠯᠭᠡᠯᠡᠬᠦ ᠬᠠᠮᠳᠤ ᠶᠢᠨ ᠨᠠᠶᠢᠷ᠂ ︽ᠬᠢᠯᠦᠬᠡᠨ︾ ᠰᠦᠨᠢᠳ ᠰᠤᠶᠤᠯ ᠤᠨ ᠨᠠᠶᠢᠷ ᠪᠠ ᠰᠦᠨᠢᠳ ᠲᠡᠮᠡᠭᠡᠨ ᠰᠤᠶᠤᠯ ᠤᠨ ᠨᠠᠶᠢᠷ ᠵᠡᠷᠭᠡ ᠲᠠᠪᠤᠨ ᠶᠡᠭᠡ ᠤᠷᠤᠨ ᠨᠤᠳᠤᠭ ᠤᠨ ᠰᠤᠶᠤᠯ ᠤᠨ ᠨᠡᠷᠡᠲᠦ ᠲᠡᠮᠳᠡᠭ ᠢ ᠦᠷᠭᠦᠯᠵᠢᠯᠡᠨ ᠪᠦᠲᠦᠬᠡᠨ ᠪᠠᠶᠢᠭᠤᠯᠤᠨ᠎ᠠ᠃ ᠰᠤᠶᠤᠯ ᠤᠷᠠᠯᠢᠭ ᠵᠤᠬᠢᠶᠠᠯ ᠪᠦᠲᠦᠬᠡᠯ ᠢ ᠬᠦᠭᠵᠢᠬᠦᠯᠦᠨ᠂ ᠦᠨᠳᠤᠰᠤᠳᠠᠨ ᠤ ᠤᠨᠴᠠᠯᠢᠭ᠂ ᠴᠠᠭ ᠦᠶ᠎ᠡ ᠪᠠ ᠭᠠᠵᠠᠷ ᠤᠷᠤᠨ ᠤ ᠤᠨᠴᠠᠯᠢᠭ ᠢᠶᠠᠷ ᠪᠠᠶᠠᠯᠢᠭ᠂ ᠦᠵᠡᠯ ᠰᠠᠨᠠᠭᠠᠳᠤ ᠴᠢᠨᠠᠷ ᠪᠠ ᠤᠷᠠᠯᠢᠭᠳᠦ ᠴᠢᠨᠠᠷ ᠢᠶᠠᠷ ᠲᠤᠪᠤᠶᠢᠮ᠎ᠠ ᠨᠢᠬᠡ ᠪᠦᠯᠦᠭ ᠰᠢᠯᠢᠳᠡᠭ ᠪᠦᠳᠦᠭᠡᠯ ᠵᠤᠬᠢᠶᠠᠨ ᠪᠦᠳᠦᠭᠡᠨ᠎ᠡ᠃ ᠡᠯ᠎ᠠ ᠲᠦᠷᠦᠯ ᠎ ᠤᠨ ᠤᠯᠠᠨ ᠲᠦᠮᠡᠨᠴᠢ ᠰᠤᠶᠤᠯ ᠤᠨ ᠬᠦᠳᠡᠯᠭᠡᠭᠡᠨ ᠪᠠ ᠪᠦᠬᠦ ᠠᠷᠠᠳ ᠤᠨ ᠪᠡᠶ᠎ᠡ ᠴᠠᠬᠢᠷᠠᠭᠵᠢᠭᠤᠯᠬᠤ ᠬᠦᠳᠡᠯᠭᠡᠭᠡᠨ ᠢ ᠨᠠᠷᠢᠨ ᠨᠢᠮᠪᠠᠢ ᠦᠷᠨᠢᠬᠦᠯᠦᠨ᠎ᠡ᠃ ᠪᠤᠳᠠᠰ ᠤᠨ ᠪᠤᠰᠤ ᠰᠤᠶᠤᠯ ᠤᠨ ᠦᠪ ᠢ ᠳᠡᠭᠡᠭᠰᠢ ᠮᠡᠳᠡᠬᠦᠯᠬᠦ ᠪᠠ ᠭᠤᠤᠯᠳᠠᠯᠭ᠎ᠠ ᠎ ᠲᠠᠢ ᠲᠡᠤᠬᠡ ᠶᠢᠨ ᠲᠤᠷᠠᠰᠬᠠᠯᠳᠤ ᠵᠦᠢᠯ ᠤᠨ ᠬᠠᠮᠠᠭᠠᠯᠠᠯᠳᠠ ᠶᠢᠨ ᠠᠵᠢᠯ ᠢ ᠲᠦᠯᠬᠢᠨ ᠠᠬᠢᠭᠤᠯᠤᠨ᠎ᠠ᠃     — — ᠦᠨᠳᠤᠰᠤᠳᠠᠨ ᠤ ᠱᠠᠰᠢᠨ ᠰᠤᠷᠳᠠᠬᠤᠨ ᠤ ᠠᠵᠢᠯ ᠢ ᠰᠠᠶᠢᠳᠤᠷ ᠬᠢᠨ᠎ᠡ᠃ ᠨᠠᠮ ᠤᠨ ᠦᠨᠳᠤᠰᠤᠳᠠᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠡᠯ᠎ᠠ ᠦᠨᠳᠤᠰᠤᠳᠠᠨ ᠤ ᠠᠷᠠᠳ ᠲᠦᠮᠡᠨ ᠤ ᠬᠠᠷᠢᠯᠴᠠᠭ᠎ᠠ ᠶᠠᠪᠤᠯᠴᠠᠭ᠎ᠠ᠂ ᠰᠤᠯᠢᠯᠴᠠᠭ᠎ᠠ᠂ ᠨᠢᠭᠳᠠᠷᠠᠯᠴᠠᠭ᠎ᠠ ᠶᠢ ᠪᠠᠷᠢᠮᠳᠠᠯᠠᠵᠤ᠂ ︽ᠨᠢᠭᠡ ᠬᠠᠷᠠᠯᠳᠠ᠂ ᠬᠤᠶᠠᠷ ᠬᠠᠮᠳᠦ ᠶᠢᠨ᠂ ᠭᠤᠷᠪᠠᠨ ᠰᠠᠯᠵᠦ ᠪᠤᠯᠤᠰᠢ ᠦᠭᠡᠢ᠂ ᠲᠦᠷᠪᠡ ᠶᠢ ᠮᠡᠳᠡᠷᠡᠬᠦ᠂ ᠵᠢᠷᠭᠤᠭᠠᠨ ᠬᠠᠷᠢᠯᠴᠠᠨ᠂ ᠨᠠᠢᠮᠨ ᠶᠢ ᠪᠠᠷᠢᠮᠳᠠᠯᠠᠬᠤ︾ ᠦᠵᠡᠯ ᠰᠠᠨᠠᠭ᠎ᠠ ᠶᠢ ᠬᠦᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠮᠤᠩᠭᠤᠯ ᠦᠬᠡ ᠬᠡᠯᠡ ᠦᠰᠦᠭ ᠪᠢᠴᠢᠭ ᠢ ᠪᠠᠷᠢᠮᠵᠢᠶ᠎ᠠ ᠬᠡᠷᠡᠭᠯᠡᠬᠦ ᠬᠠᠮᠢᠶᠠᠷᠤᠯᠳᠠ ᠶᠢ ᠴᠢᠩᠭᠠᠳᠬᠠᠵᠦ᠂ ᠭᠤᠤᠯᠳᠠᠯᠭ᠎ᠠ ᠲᠠᠢ ᠪᠢᠴᠢᠭ ᠮᠠᠲ᠋ᠧᠷᠢᠶᠠᠯ ᠢ ᠮᠤᠩᠭᠤᠯ ᠬᠢᠳᠠᠳ ᠬᠤᠶᠠᠷ ᠬᠡᠯᠡ ᠪᠠᠷ ᠵᠡᠷᠭᠡ ᠬᠡᠷᠡᠭᠯᠡᠨ᠎ᠡ᠃ ᠬᠠᠤᠯᠢ ᠶᠤᠰᠤᠭᠠᠷ ᠱᠠᠰᠢᠨ ᠰᠤᠷᠳᠠᠬᠤᠨ ᠎ ᠤ ᠬᠡᠷᠡᠭ ᠶᠠᠪᠤᠳᠠᠯ ᠢ ᠬᠠᠮᠢᠶᠠᠷᠴᠦ᠂ ᠱᠠᠰᠢᠨ ᠰᠤᠷᠳᠠᠬᠤᠨ ᠤ ᠬᠦᠮᠦᠰ ᠵᠢᠴᠢ ᠰᠦᠰᠦᠭᠳᠡᠳ ᠤᠨ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠲᠤᠮᠳᠠᠬᠢ ᠢᠳᠡᠪᠬᠢᠲᠠᠢ ᠦᠢᠯᠡᠳᠦᠯ ᠢ ᠬᠦᠢᠴᠡᠳ ᠪᠠᠳᠠᠷᠠᠭᠤᠯᠤᠨ᠎ᠠ᠃     — — ᠨᠡᠶᠢᠭᠡᠮ ᠤᠨ ᠬᠠᠮᠢᠶᠠᠷᠤᠯᠳᠠ ᠶᠢᠨ ᠶᠡᠷᠥᠩᠬᠡᠶᠢᠯᠡᠨ ᠵᠠᠰᠠᠬᠤ ᠠᠵᠢᠯ ᠢ ᠬᠦᠨᠵᠡᠬᠡᠶᠢᠷᠡᠬᠦᠯᠦᠨ᠎ᠡ᠃ ︽ᠠᠮᠤᠭᠤᠯᠠᠩ ᠰᠦᠨᠢᠳ︾᠎ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠨᠡᠶᠢᠭᠡᠮ ᠤᠨ ᠠᠮᠤᠷ ᠲᠤᠭᠳᠠᠭᠤᠨ ᠤ ᠲᠦᠭᠰᠢᠬᠦᠷᠢ ᠶᠢᠨ ᠦᠨᠡᠯᠡᠯᠳᠡ ᠶᠢ ᠴᠢᠩᠭᠠᠳᠬᠠᠵᠦ᠂ ᠨᠡᠶᠢᠭᠡᠮ ᠤᠨ ᠵᠦᠷᠢᠴᠡᠯ ᠵᠢᠭᠤᠷᠠᠯᠳᠤᠭᠠᠨ ᠤ ᠪᠠᠶᠢᠴᠠᠭᠠᠨ ᠰᠢᠢᠳᠪᠤᠷᠢᠯᠡᠬᠦ ᠶᠢ ᠲᠦᠯᠬᠢᠨ ᠠᠬᠢᠭᠤᠯᠵᠦ᠂ ᠪᠤᠳᠠᠳᠠᠶᠢᠵᠢᠭᠤᠯᠤᠭᠰᠠᠨ ᠨᠡᠶᠢᠬᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠰᠢᠬᠦ ᠰᠢᠰᠲ᠋ᠧᠮ ᠢ ᠪᠦᠷᠢᠨᠰᠢᠭᠦᠯᠵᠦ᠂ ᠡᠯ᠎ᠠ ᠲᠦᠷᠦᠯ ᠤᠨ ᠬᠠᠤᠯᠢ ᠶᠢ ᠵᠦᠷᠢᠴᠡᠭᠰᠡᠨ ᠶᠠᠯᠠᠳᠦ ᠠᠵᠢᠯᠯᠠᠭ᠎ᠠ ᠳᠤ ᠬᠠᠤᠯᠢ ᠶᠤᠰᠤᠭᠠᠷ ᠴᠣᠬᠢᠯᠳᠠ ᠦᠭᠴᠦ᠂ ᠣᠯᠠᠨ ᠲᠦᠮᠡᠨ ᠤ ᠠᠮᠤᠷ ᠲᠦᠪᠰᠢᠨ ᠰᠡᠳᠬᠢᠯᠭᠡ ᠶᠢ ᠨᠡᠮᠡᠭᠳᠡᠭᠦᠯᠦᠨ᠎ᠡ᠃ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠲᠦᠷᠢᠮ ᠢ ᠰᠠᠶᠢᠳᠤᠷ ᠨᠠᠶᠢᠳᠠᠪᠦᠷᠢᠵᠢᠭᠤᠯᠵᠦ᠂ ᠣᠳᠣᠷᠢᠳᠣᠯᠭ᠎ᠠ ᠺᠠᠳ᠋ᠷ ᠶᠢᠨ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠣᠳᠣᠷᠢᠳᠣᠯᠭ᠎ᠠ ᠺᠠᠳ᠋ᠷ ᠤᠨ ᠭᠡᠷᠡᠭ ᠶᠠᠪᠣᠳᠠᠯ ᠢ ᠲᠠᠭᠠᠭᠠᠴᠢᠯᠠᠬᠤ ᠲᠦᠷᠢᠮ ᠢ ᠪᠠᠷᠢᠮᠳᠠᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠎ ᠤᠨ ᠬᠠᠣᠯᠢᠵᠢᠭᠰᠡᠨ ᠬᠠᠮᠢᠶᠠᠷᠤᠯᠳᠠ ᠳᠤ ᠤᠷᠤᠭᠤᠯᠵᠤ᠂ ᠠᠷᠠᠳ ᠤᠯᠠᠨ ᠤ ᠬᠠᠤᠯᠢ ᠶᠤᠰᠤᠭᠠᠷ ᠡᠷᠡᠮᠡᠯᠵᠡᠯ ᠲᠡᠪᠰᠢᠬᠦᠯᠬᠦ ᠶᠢ ᠵᠢᠯᠤᠭᠤᠳᠤᠨ᠂ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠰᠢᠢᠳᠪᠤᠷᠢᠯᠠᠵᠦ ᠪᠤᠯᠬᠤ ᠠᠰᠠᠭᠤᠳᠠᠯ ᠢ ᠪᠣᠯᠬᠤ ᠶᠢᠨ ᠲᠣᠳᠣᠷ᠎ᠠ ᠬᠠᠤᠯᠢ ᠴᠠᠭᠠᠵᠠ ᠶᠢᠨ ᠶᠠᠪᠣᠴᠠ ᠪᠠᠷ ᠰᠢᠢᠳᠪᠦᠷᠢᠯᠡᠨ᠎ᠡ᠃ ᠲᠤᠤᠷ ᠰᠦᠯᠵᠢᠶᠠᠨ ᠤ ᠬᠢᠨᠠᠨ ᠬᠠᠮᠢᠶᠠᠷᠤᠯᠳᠠ ᠪᠤᠯᠤᠨ ᠶᠡᠷᠢᠶ᠎ᠡ ᠬᠡᠯᠡᠯᠴᠡᠭᠡᠨ ᠤ  ᠵᠢᠯᠣᠭᠤᠳᠬᠤ ᠦᠢᠯᠡᠳᠦᠯ ᠢ ᠴᠢᠬᠤᠯᠠᠴᠢᠯᠠᠵᠦ᠂ ᠭᠦᠨᠳᠦ ᠴᠢᠬᠤᠯᠠ ᠲᠤᠤᠷ ᠰᠦᠯᠵᠢᠶᠠᠨ ᠤ ᠶᠡᠷᠢᠶ᠎ᠠ ᠭᠡᠯᠡᠯᠴᠡᠭᠡ ᠶᠢ ᠲᠦᠷᠭᠡᠨ ᠰᠢᠢᠳᠪᠦᠷᠢᠯᠡᠬᠦ ᠵᠣᠬᠢᠴᠠᠮᠵᠢ ᠪᠠ ᠨᠡᠪᠳᠡᠷᠡᠯᠴᠡᠨ ᠵᠣᠬᠢᠴᠠᠭᠤᠯᠬᠤ ᠵᠣᠬᠢᠴᠠᠮᠵᠢ ᠶᠢ ᠪᠠᠶᠢᠭᠤᠯᠤᠨ᠂ ᠲᠤᠤᠷ ᠰᠦᠯᠵᠢᠶᠡᠨ ᠤ ᠶᠠᠷᠢᠶ᠎ᠠ ᠭᠡᠯᠡᠯᠴᠡᠭᠡ ᠶᠢ ᠪᠠᠴᠢᠮ ᠠᠷᠭᠠᠴᠠᠬᠤ ᠴᠢᠳᠠᠪᠤᠷᠢ ᠪᠠᠨ ᠲᠡᠭᠡᠭᠰᠢᠯᠡᠭᠦᠯᠦᠨ᠎ᠡ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠦᠢᠯᠡᠰ ᠪᠠ ᠬᠦᠷᠢᠶ᠎ᠡ ᠬᠡᠪᠴᠢᠶᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠪᠤᠯᠤᠨ ᠲᠤᠰᠬᠠᠢ ᠵᠠᠰᠠᠨ ᠰᠠᠶᠢᠵᠢᠷᠠᠭᠤᠯᠬᠤ ᠠᠵᠢᠯ ᠢ ᠰᠠᠶᠢᠳᠤᠷ ᠬᠢᠵᠦ᠂ ᠭᠦᠨᠳᠦ ᠶᠡᠭᠡ ᠠᠳᠡᠯ ᠭᠡᠷᠡᠭ ᠡᠭᠦᠰᠬᠦ ᠶᠢ ᠡᠷᠡᠰ ᠬᠤᠷᠢᠭᠯᠠᠨ᠎ᠠ᠃ ᠵᠢᠯ ᠤᠨ ᠲᠤᠳᠤᠷ᠎ᠡ᠂ ᠢᠳᠡᠭᠡᠨ ᠣᠮᠳᠠᠭᠠᠨ ᠡᠮ ᠤᠨ ᠵᠦᠢᠯᠡᠰ ᠤᠨ ᠦᠢᠯᠡᠳᠪᠦᠷᠢᠯᠡᠨ ᠪᠣᠷᠣᠯᠠᠭᠤᠯᠬᠤ ᠪᠦᠬᠦ ᠶᠠᠪᠣᠴᠠ ᠶᠢ ᠬᠠᠮᠣᠷᠣᠭᠰᠠᠨ᠂ ᠬᠠᠮᠤᠭ ᠴᠢᠩᠭ᠎ᠠ ᠠᠮᠦᠷ ᠲᠦᠪᠰᠢᠨ ᠤ ᠲᠦᠷᠢᠮ ᠲᠣᠭᠳᠠᠭᠠᠯ ᠢ ᠨᠠᠶᠢᠳᠠᠪᠦᠷᠢᠵᠢᠭᠤᠯᠵᠦ᠂ ᠲᠣᠮᠣ ᠲᠣᠮᠳᠠ ᠢᠳᠡᠭᠡᠨ ᠣᠮᠳᠠᠭᠠᠨ ᠤ ᠦᠢᠯᠡᠴᠢᠯᠡᠭᠡᠨ ᠤ ᠨᠢᠭᠡᠴᠡ ᠎ ᠶᠢ ᠪᠦᠬᠦᠨ ᠢ ︽ᠭᠠᠯ ᠲᠤᠭᠤᠭᠠᠨ ᠤ ᠦᠷᠦᠭᠡ ᠶᠢ ᠢᠯᠨ ᠪᠤᠯᠭᠠᠬᠤ︾᠎ ᠶᠢ ᠪᠡᠶᠡᠯᠡᠬᠦᠯᠵᠦ᠂ ᠲᠡᠰ ᠬᠤᠪᠢᠶᠠᠨ ᠬᠡᠪᠴᠢᠶᠡᠵᠢᠭᠰᠡᠨ ᠬᠠᠮᠢᠶᠠᠷᠤᠯᠳᠠ ᠶᠢᠨ ᠪᠡᠷᠢᠮᠵᠢᠶ᠎ᠡ ᠳᠤ ᠨᠡᠶᠢᠴᠡᠭᠰᠡᠨ ᠨᠢᠭᠡᠴᠠ ᠶᠢ 95%᠎ ᠠᠴᠠ ᠳᠡᠭᠡᠭᠰᠢ ᠪᠠᠶᠢᠯᠭᠠᠵᠦ ᠂ ᠠᠷᠠᠳ ᠲᠦᠮᠡᠨ ᠤ ᠡᠷᠭᠦᠯ ᠴᠢᠬᠢᠷᠠᠭ ᠠᠮᠤᠷ ᠲᠦᠪᠰᠢᠨ ᠢ ᠪᠠᠳᠣᠯᠠᠨ᠎ᠠ᠃     ︵ᠲᠠᠪᠤ︶ ᠵᠠᠰᠠᠭ ᠤᠨ ᠤᠷᠳᠤᠨ ᠤ ᠳᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠠᠵᠦ ᠠᠬᠤᠢ ᠨᠡᠶᠢᠭᠡᠮ ᠤᠨ ᠬᠦᠭᠵᠢᠯᠳᠠ ᠳᠤ ᠦᠢᠯᠡᠴᠢᠯᠡᠬᠦ ᠴᠢᠳᠠᠪᠤᠷᠢ ᠪᠠᠨ ᠲᠡᠭᠡᠭᠰᠢᠯᠡᠬᠦᠯᠤᠨ᠎ᠡ᠃ ᠰᠢᠨ᠎ᠠ ᠬᠡᠪ ᠪᠠᠶᠢᠳᠠᠯ ᠎ ᠳᠤ ᠵᠤᠬᠢᠴᠠᠨ᠂ ᠰᠢᠨ᠎ᠠ ᠬᠦᠭᠵᠢᠯᠳᠠ ᠶᠢ ᠰᠦᠪᠡᠭᠴᠢᠯᠡᠨ᠂ ᠰᠢᠨ᠎ᠠ ᠡᠬᠦᠷᠭᠡ ᠶᠢ ᠪᠡᠶᠡᠯᠡᠬᠦᠯᠬᠦ ᠨᠢ ᠵᠠᠰᠠᠭ ᠤᠨ ᠤᠷᠳᠤᠨ ᠤ ᠳᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠳᠤ ᠨᠡᠩ ᠦᠨᠳᠦᠷ ᠰᠢᠨ᠎ᠠ ᠱᠠᠭᠠᠷᠳᠠᠯᠭ᠎ᠠ ᠶᠢ ᠳᠠᠯᠪᠢᠪᠠ᠃ ᠪᠢᠳᠡ ᠡᠷᠬᠡᠪᠰᠢ ᠠᠷᠠᠳ ᠲᠦᠮᠡᠨ ᠪᠠ ᠠᠵᠢᠯ ᠦᠢᠯᠡᠰ ᠲᠡᠭᠡᠨ ᠦᠨᠳᠦᠷ ᠬᠠᠷᠢᠭᠤᠴᠠᠯᠭ᠎ᠠ ᠪᠠᠷ ᠬᠠᠨᠳᠤᠬᠤ ᠤᠪᠤᠷ ᠢ ᠪᠠᠷᠢᠮᠳᠠᠯᠠᠵᠤ᠂ ᠬᠠᠤᠯᠢ ᠪᠠᠷ ᠵᠠᠰᠠᠭᠰᠠᠨ᠂ ᠪᠤᠳᠠᠳᠠᠢ ᠶᠢ ᠡᠷᠬᠢᠮᠯᠡᠭᠰᠡᠨ᠂ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃     — — ᠯᠠᠪᠳᠠᠭᠤᠨ ᠪᠤᠳᠠᠳᠠᠢ ᠠᠵᠢᠯᠯᠠᠭ᠎ᠠ ᠪᠠᠷ ᠬᠠᠤᠯᠢ ᠪᠠᠷ ᠵᠠᠰᠠᠬᠤ ᠶᠢ ᠦᠢᠯᠡᠳᠦᠯᠬᠡᠵᠢᠬᠦᠯᠦᠨ᠎ᠡ᠃ ᠬᠠᠤᠯᠢ ᠎ ᠪᠠᠷ ᠵᠠᠰᠠᠭ ᠪᠠᠷᠢᠬᠤ ᠶᠢ ᠵᠠᠰᠠᠭ ᠤᠨ ᠤᠷᠳᠤᠨ ᠤ ᠠᠵᠢᠯ ᠤᠨ ᠲᠤᠮᠳᠠᠬᠢ ᠡᠯ᠎ᠠ ᠬᠦᠷᠢᠶ᠎ᠡ ᠬᠡᠪᠴᠢᠶ᠎ᠡ᠂ ᠡᠯ᠎ᠡ ᠲᠠᠪᠬᠤᠷᠭ᠎ᠠ᠂ ᠡᠯ᠎ᠡ ᠭᠤᠭᠴᠤᠭᠠᠨ ᠳᠤ ᠲᠤᠤᠱᠯᠠᠭᠤᠯᠬᠤ ᠶᠢ ᠪᠠᠷᠢᠮᠳᠠᠯᠠᠵᠦ᠂ ᠬᠠᠤᠯᠢ ᠴᠠᠭᠠᠵᠠ ᠶᠢᠨ ᠰᠡᠳᠬᠢᠬᠦᠢ ᠪᠤᠯᠤᠨ ᠠᠷᠭ᠎ᠠ ᠠᠪᠴᠠᠯ ᠢᠶᠠᠷ ᠡᠬᠦᠷᠭᠡ ᠬᠠᠷᠢᠭᠤᠴᠠᠯᠭ᠎ᠠ ᠪᠠᠨ ᠪᠡᠶᠡᠯᠡᠬᠦᠯᠤᠨ᠎ᠡ᠃ ᠴᠢᠬᠤᠯᠠ ᠶᠡᠭᠡ ᠬᠡᠷᠡᠭ ᠶᠠᠪᠤᠳᠠᠯ ᠢ ᠢᠯᠡ ᠨᠡᠶᠢᠳᠡᠯᠡᠬᠦ ᠲᠦᠷᠢᠮ᠂ ᠨᠡᠶᠢᠭᠡᠮ ᠨᠡᠶᠢᠳᠡ ᠠᠴᠠ ᠬᠡᠷᠡᠴᠢᠯᠡᠯᠳᠡ ᠰᠤᠨᠤᠰᠬᠤ ᠲᠦᠷᠢᠮ᠂ ᠲᠤᠰᠬᠠᠢ ᠮᠡᠷᠭᠡᠵᠢᠯᠳᠠᠨ ᠎ ᠠᠴᠠ ᠵᠦᠪᠯᠡᠯᠬᠡ ᠠᠪᠬᠤ ᠲᠦᠷᠢᠮ ᠪᠤᠯᠤᠨ ᠵᠠᠰᠠᠭ ᠤᠨ ᠤᠷᠳᠤᠨ ᠤ ᠬᠠᠤᠯᠢ ᠵᠦᠪᠯᠡᠭᠴᠢ ᠶᠢᠨ ᠲᠦᠷᠢᠮ ᠢ ᠴᠢᠩᠭ᠎ᠠ ᠬᠡᠷᠡᠭᠵᠢᠬᠦᠯᠵᠦ᠂ ᠵᠠᠰᠠᠭ ᠵᠠᠬᠢᠷᠭᠠᠨ ᠤ ᠰᠢᠢᠳᠪᠤᠷᠢᠳᠦ ᠪᠤᠳᠤᠯᠭ᠎ᠠ ᠲᠤᠭᠳᠠᠭᠠᠬᠤ ᠶᠠᠪᠤᠴᠠ ᠶᠢ ᠳᠦᠷᠢᠮᠵᠢᠬᠦᠯᠵᠦ᠂ ᠵᠠᠰᠠᠭ ᠤᠨ ᠤᠷᠳᠤᠨ ᠤ ᠢᠳᠡᠭᠡᠮᠵᠢ ᠪᠠ ᠬᠡᠷᠡᠭᠵᠢᠬᠦᠯᠬᠦ ᠬᠦᠴᠦᠯᠡᠴᠡ ᠶᠢ ᠲᠡᠭᠡᠭᠰᠢᠯᠡᠬᠦᠯᠤᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠪᠣᠯᠣᠨ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠯᠳᠠ ᠶᠢᠨ ᠬᠢᠨᠠᠯᠳᠠ ᠳᠠᠯᠪᠢᠬᠤ ᠶᠢ ᠴᠢᠩᠭᠠᠳᠬᠠᠵᠦ᠂ ᠵᠠᠰᠠᠭ ᠵᠠᠬᠢᠷᠭᠠᠨ ᠤ ᠡᠷᠬᠡ ᠶᠢᠨ ᠢᠯᠡ ᠳᠤᠳᠤ᠂ ᠲᠦᠪ ᠭᠤᠤᠯᠴᠢ᠂ ᠳᠦᠷᠢᠮᠵᠢᠬᠦᠨ ᠶᠠᠪᠤᠭᠳᠠᠬᠤ ᠶᠢ ᠪᠠᠳᠤᠯᠠᠨ᠎ᠠ᠃     — — ᠰᠢᠯᠢᠳᠡᠭ ᠬᠡᠪ ᠰᠤᠷᠳᠠᠯ ᠢᠶᠠᠷ ᠴᠢᠩᠭ᠎ᠠ ᠠᠳᠬᠤᠨ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠠᠵᠢᠯᠳᠠᠳ ᠡᠷᠬᠡᠪᠰᠢ ︽ᠭᠤᠷᠪᠠᠨ ᠴᠢᠩᠭ᠎ᠠ ᠭᠤᠷᠪᠠᠨ ᠪᠤᠳᠠᠳᠠᠢ︾᠎ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠤᠰ ᠳᠦᠷᠦ ᠤᠨ ᠦᠵᠡᠯ ᠤᠬᠠᠮᠰᠠᠷ᠂ ᠪᠦᠬᠦ ᠳᠠᠯ᠎ᠠ ᠶᠢᠨ ᠦᠵᠡᠯ ᠳᠠᠨᠢᠯᠳᠠ᠂ ᠭᠤᠤᠯᠯᠠᠭᠴᠢ ᠦᠵᠡᠯᠳᠡ ᠪᠠ ᠵᠢᠭᠳᠡ ᠬᠠᠷᠠᠬᠤ ᠦᠵᠡᠯ ᠳᠠᠨᠢᠯᠳᠠ ᠪᠠᠨ ᠴᠢᠩᠭᠠᠳᠬᠠᠵᠤ᠂ ᠡᠬᠦᠷᠬᠡ ᠳᠤᠰᠢᠶᠡᠯ ᠢᠶᠠᠨ ᠰᠠᠶᠢᠳᠤᠷ ᠰᠠᠬᠢᠵᠤ᠂ ᠵᠤᠷᠢᠭᠳᠠᠢ ᠡᠭᠦᠷᠭᠡᠯᠡᠵᠦ᠂ ᠢᠳᠡᠪᠬᠢᠳᠡᠢ ᠠᠵᠢᠯᠯᠠᠵᠤ᠂ ︽ᠦᠨᠡᠨᠴᠢ ᠰᠢᠳᠤᠷᠭᠤ᠂ ᠠᠷᠢᠭᠤᠨ ᠴᠢᠭᠡᠴᠢ᠂ ᠵᠤᠷᠢᠭᠳᠠᠢ ᠡᠬᠦᠷᠭᠡᠯᠡᠬᠦ᠂ ᠪᠤᠳᠠᠳᠠᠢ ᠠᠵᠢᠯᠯᠠᠬᠤ︾᠎ ᠶᠢ ᠡᠯ᠎ᠠ ᠱᠠᠳᠤᠨ ᠤ ᠺᠠᠳ᠋ᠷ ᠠᠵᠢᠯᠳᠠᠨ ᠤ ᠬᠠᠮᠳᠦ ᠶᠢᠨ ᠵᠤᠷᠢᠭ ᠰᠠᠨᠠᠭ᠎ᠠ᠂ ᠦᠷᠳᠡᠭ ᠤᠨ ᠬᠦᠬᠡᠬᠡᠴᠡᠯᠳᠦᠯ ᠪᠤᠯᠤᠨ ᠦᠢᠯᠠ ᠠᠵᠢᠯᠯᠠᠭᠠᠨ ᠤ ᠪᠠᠷᠢᠮᠵᠢᠶ᠎ᠠ ᠪᠤᠯᠭᠠᠨ᠎ᠠ᠃ ᠡᠯ᠎ᠡ ᠳᠦᠷᠦᠯ ᠤᠨ ᠦᠬᠡᠷᠡᠴᠢᠯᠡᠯᠳᠠ ᠶᠢ ᠬᠦᠨᠵᠡᠬᠡᠶᠢᠷᠡᠬᠦᠯᠬᠦ ᠡᠬᠦᠷᠭᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ᠨᠠᠶᠢᠳᠠᠪᠤᠷᠢᠵᠢᠭᠤᠯᠤᠨ ᠳᠤᠤᠱᠯᠠᠭᠤᠯᠬᠤ ᠪᠠᠶᠢᠭᠤᠯᠤᠮᠵᠢ ᠶᠢ ᠤᠯᠠᠮ ᠨᠢᠬᠡ ᠠᠯᠬᠤᠮ ᠪᠦᠷᠢᠨᠰᠢᠬᠦᠯᠵᠦ᠂ ︽ᠳᠠᠷᠤᠢ ᠳᠦᠷᠬᠡᠨ ᠬᠦᠢᠴᠡᠳᠭᠡᠬᠦ︾ ᠠᠵᠢᠯ ᠤᠨ ᠰᠤᠷᠳᠠᠯ ᠢ ᠰᠠᠨᠠᠭᠠᠴᠢᠯᠠᠵᠦ᠂ ᠰᠤᠳᠤᠯᠤᠨ ᠲᠤᠭᠳᠠᠭᠠᠭᠰᠠᠨ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠎ ᠲᠠᠢ ᠲᠦᠷᠦᠯ ᠵᠦᠢᠯ ᠢ ᠡᠬᠢᠨ ᠠᠴᠠ ᠲᠠᠭᠤᠰᠳᠠᠯ᠎ᠠ ᠰᠠᠶᠢᠳᠤᠷ ᠶᠠᠪᠤᠭᠳᠠᠭᠤᠯᠵᠦ᠂ ᠵᠠᠰᠠᠭ ᠤᠨ ᠰᠢᠢᠳᠪᠤᠷᠢ ᠶᠢᠨ ᠰᠠᠭᠠᠳ ᠦᠬᠡᠢ ᠪᠠᠶᠢᠬᠤ ᠶᠢ ᠪᠠᠳᠤᠯᠠᠵᠤ᠂ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠬᠠᠮᠤᠭ ᠰᠡᠬᠦᠯᠴᠢ ᠎ ᠶᠢᠨ ᠨᠢᠬᠡ ᠺᠢᠯᠤᠮᠧᠲᠷ︾᠎ ᠢ ᠨᠡᠪᠳᠡᠷᠡᠬᠦᠯᠤᠨ᠎ᠡ᠃     — — ᠲᠦᠪ ᠴᠢᠩᠭ᠎ᠠ ᠰᠠᠬᠢᠯᠭ᠎ᠠ ᠲᠦᠷᠢᠮ ᠢᠶᠠᠷ ᠠᠷᠢᠭᠤᠨ ᠴᠢᠭᠡᠴᠢ ᠶᠢ ᠰᠠᠬᠢᠨ ᠵᠢᠷᠤᠮᠯᠠᠨ᠎ᠠ᠃ ᠲᠦᠪ ᠴᠢᠩᠭ᠎ᠠ ᠪᠠᠷ ᠨᠠᠮ ᠢᠶᠠᠨ ᠵᠠᠰᠠᠬᠤ ᠱᠠᠭᠠᠷᠳᠠᠯᠭ᠎ᠠ ᠶᠢ ᠪᠦᠬᠦ ᠳᠠᠯ᠎ᠠ ᠪᠠᠷ ᠲᠤᠤᠱᠯᠠᠭᠤᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠎ ᠢ ᠴᠢᠩᠭ᠎ᠠ ᠵᠢᠷᠤᠮᠯᠠᠵᠤ᠂ ︽ᠨᠢᠬᠡ ᠠᠵᠢᠯ ᠎ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ︾ ᠳᠦᠷᠢᠮ ᠢ ᠴᠢᠩᠭᠠᠳᠬᠠᠵᠤ᠂ ᠨᠠᠮ ᠤᠨ ᠰᠤᠷᠲᠠᠯ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠰᠠᠶᠢᠳᠤᠷ ᠨᠠᠶᠢᠳᠠᠪᠤᠷᠢᠵᠢᠭᠤᠯᠤᠨ᠎ᠠ᠃ ︽ᠠᠯᠪᠠᠨ ᠤ ᠭᠤᠷᠪᠠᠨ ᠵᠠᠷᠤᠳᠠᠯ︾᠎ ᠢ ᠴᠢᠩᠭ᠎ᠠ ᠬᠢᠵᠠᠭᠠᠷᠯᠠᠵᠤ᠂ ᠠᠯᠪᠠᠨ ᠤ ᠳᠡᠷᠬᠡ ᠶᠢ ᠬᠡᠷᠡᠭᠯᠡᠬᠦ ᠳᠦᠷᠢᠮ ᠤᠨ ᠦᠬᠡᠷᠡᠴᠢᠯᠡᠯᠳᠡ ᠶᠢ ᠪᠡᠶᠡᠯᠡᠬᠦᠯᠦᠨ᠎ᠡ᠃ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠠᠩᠬᠢᠯᠠᠭ᠎ᠠ ᠶᠢᠨ ᠭᠤᠭᠴᠤᠭ᠎ᠠ ᠎ ᠳᠠᠬᠢ ᠠᠷᠢᠭᠤᠨ ᠴᠢᠭᠡᠴᠢ ᠪᠠᠷ ᠵᠠᠰᠠᠭ ᠪᠠᠷᠢᠬᠤ ᠠᠶᠤᠯ ᠲᠦᠭᠰᠢᠬᠦᠷᠢ ᠶᠢᠨ ᠰᠡᠷᠬᠡᠶᠢᠯᠡᠯᠳᠠ ᠶᠢ ᠴᠢᠩᠭᠠᠳᠬᠠᠵᠦ᠂ ᠢᠯᠵᠡᠷᠡᠯ ᠢ ᠡᠰᠡᠷᠭᠦᠴᠡᠵᠦ ᠠᠷᠢᠭᠤᠨ ᠴᠢᠭᠡᠴᠢ ᠶᠢ ᠳᠡᠭᠡᠳᠦᠯᠡᠬᠦ ᠠᠵᠢᠯᠯᠠᠭ᠎ᠠ ᠶᠢ ᠭᠤᠶᠢᠪᠢᠰᠢ ᠦᠬᠡᠢ ᠳᠦᠯᠬᠢᠨ ᠠᠬᠢᠭᠤᠯᠵᠤ᠂ ᠲᠦᠪ ᠴᠢᠭᠡᠴᠢ ᠤᠯᠤᠰ ᠳᠦᠷᠦ ᠶᠢᠨ ᠤᠷᠴᠢᠨ ᠢ ᠪᠤᠢ ᠪᠤᠯᠭᠠᠨ᠎ᠠ᠃     ᠲᠦᠯᠦᠭᠡᠯᠡᠭᠴᠢᠳ ᠡ᠂ ᠡᠨᠡ ᠵᠢᠯ ᠮᠠᠨ ᠤ ᠬᠤᠰᠢᠭᠤ ᠨᠢ ᠬᠤᠰᠢᠭᠤ ᠪᠠᠶᠢᠭᠤᠯᠤᠭᠳᠠᠭᠰᠠᠨ 70 ᠵᠢᠯ ᠤᠨ ᠣᠢ ᠎ ᠪᠠᠨ ᠦᠪᠡᠳᠡᠭᠰᠢ ᠶᠡᠭᠡ ᠪᠠᠷ ᠡᠷᠬᠢᠯᠡᠬᠦ ᠪᠠᠷ ᠪᠤᠯᠤᠯ᠎ᠠ᠂ ᠡᠨᠡ ᠪᠣᠯ ᠪᠦᠬᠦ  ᠬᠤᠰᠢᠭᠤᠨ ᠤ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠤ ᠶᠠᠪᠤᠳᠠᠯ ᠪᠣᠯᠣᠨ᠎ᠠ᠃ ᠪᠢᠳᠡ ᠠᠷᠠᠳ ᠤᠨ ᠲᠥᠯᠦᠭᠡ ᠪᠣᠲᠠᠲᠠᠢ ᠶᠢ ᠡᠷᠬᠢᠮᠯᠡᠨ ᠠᠵᠢᠯᠯᠠᠵᠤ ᠠᠷᠪᠢᠯᠠᠨ ᠭᠠᠮᠨᠠᠬᠤ ᠵᠠᠷᠴᠢᠮ ᠢ ᠪᠠᠷᠢᠮᠲᠠᠯᠠᠨ᠂ ᠦᠪᠡᠳᠡᠭᠰᠢ ᠪᠠᠶᠠᠷ ᠢᠶᠠᠨ ᠤᠭᠲᠤᠬᠤ ᠠᠵᠢᠯ ᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠯᠤᠭ᠎ᠠ ᠨᠢᠭᠲᠠ ᠤᠶᠠᠯᠳᠤᠭᠤᠯᠵᠤ᠂ ᠲᠦᠷᠦᠯ ᠵᠦᠢᠯ ᠶᠢᠨ ᠪᠦᠳᠦᠭᠡᠨ ᠪᠠᠶᠢᠭᠤᠯᠤᠯᠳᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠵᠣᠬᠢᠶᠠᠨ ᠪᠠᠶᠢᠭᠤᠯᠤᠨ ᠳᠠᠶᠢᠴᠢᠯᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠨ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠨᠢᠭᠡ ᠪᠦᠯᠦᠭ ᠴᠢᠬᠤᠯᠡ ᠶᠡᠭᠡ ᠠᠰᠠᠭᠤᠳᠠᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠯᠢᠶᠡᠰᠦᠯᠡᠭᠰᠡᠨ ᠬᠦᠴᠢᠷ ᠠᠰᠠᠭᠤᠳᠠᠯ ᠢ ᠬᠦᠴᠦᠨ ᠢᠶᠠᠨ ᠲᠦᠪᠯᠡᠷᠡᠭᠦᠯᠦᠨ ᠰᠢᠢᠳᠪᠦᠷᠢᠯᠡᠵᠦ᠂ ᠰᠢᠯᠢᠳᠡᠭ ᠠᠮᠵᠢᠯᠲᠠ ᠪᠦᠲᠦᠮᠵᠢ ᠪᠠᠷ ᠢᠶᠠᠨ ᠬᠤᠰᠢᠭᠤ ᠪᠠᠶᠢᠭᠤᠯᠤᠭᠳᠠᠭᠰᠠᠨ 70 ᠵᠢᠯ ᠤᠨ ᠣᠢ ᠳᠠᠭᠠᠨ ᠪᠡᠯᠡᠭ ᠪᠤᠯᠭᠠᠵᠦ ᠳᠠᠪᠰᠢᠭᠦᠯᠣᠶ᠎ᠠ᠃     ᠲᠦᠯᠦᠭᠡᠯᠡᠭᠴᠢᠳ ᠡ᠂ ᠪᠢᠳᠡ ᠪᠦᠬᠦᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠎ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠶᠢᠨ ᠳᠤᠤᠷ᠎ᠠ᠂ ᠦᠵᠡᠯ ᠰᠠᠨᠠᠭ᠎ᠠ ᠪᠠᠨ ᠴᠢᠯᠦᠭᠡᠯᠡᠵᠦ᠂ ᠴᠤᠭ ᠰᠦᠯᠳᠡ ᠪᠠᠨ ᠪᠠᠳᠠᠷᠠᠭᠤᠯᠤᠨ᠂ ᠪᠦᠯᠬᠦᠮᠳᠡᠨ ᠳᠡᠮᠡᠴᠡᠵᠦ᠂ ᠵᠤᠷᠢᠭᠳᠠᠢ ᠤᠷᠤᠭᠰᠢᠯᠠᠨ᠂ ᠦᠨᠤ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠬᠦᠷᠬᠡ ᠬᠠᠷᠠᠯᠳᠠ ᠪᠠᠨ ᠴᠢᠷᠮᠠᠶᠢᠨ ᠪᠡᠶᠡᠯᠡᠬᠦᠯᠵᠤ᠂ ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠤᠬᠢ ᠰᠠᠶᠢᠨ ᠡᠬᠢᠯᠡᠯᠳᠡ ᠶᠢ ᠪᠠᠳᠤᠯᠠᠵᠤ᠂ ᠴᠢᠨᠡᠬᠡᠯᠢᠭ ᠨᠡᠶᠢᠭᠡᠮ ᠢ ᠪᠦᠬᠦ ᠲᠠᠯ᠎ᠠ ᠎ ᠪᠠᠷ ᠴᠤᠭᠴᠠᠯᠠᠨ ᠪᠠᠶᠢᠭᠤᠯᠬᠤ ᠳᠤ ᠨᠡᠩ ᠶᠡᠭᠡ ᠬᠤᠪᠢ ᠨᠡᠮᠡᠭᠦᠷᠢ ᠪᠠᠨ ᠡᠷᠬᠦᠵᠡᠬᠡᠶ᠎ᠡ︕      ᠨᠡᠷᠡᠰ ᠦᠬᠡ ᠶᠢᠨ ᠲᠡᠶᠢᠯᠪᠤᠷᠢ᠄     1. ︽ᠰᠦᠯᠵᠢᠶ᠎ᠠ +︾ ᠭᠡᠯᠪᠡᠷᠢ᠄ ᠨᠢᠬᠡ ᠵᠦᠢᠯ ᠤᠨ ᠰᠢᠨ᠎ᠠ ᠠᠵᠦ ᠠᠬᠤᠢ ᠶᠢᠨ ᠬᠡᠯᠪᠡᠷᠢ ᠶᠢ ᠲᠦᠯᠦᠬᠡᠯᠡᠵᠦ ᠪᠠᠶᠢᠨ᠎ᠠ᠂ ᠲᠠᠷᠤᠢ ᠢᠨᠲ᠋ᠧᠷ ᠰᠦᠯᠵᠢᠶ᠎ᠠ ᠶᠢᠨ ᠦᠢᠯᠡᠳᠪᠤᠷᠢᠯᠠᠯ ᠤᠨ ᠡᠯᠧᠮᠧᠨ᠋ᠲ ᠤᠨ ᠲᠤᠬᠢᠷᠠᠭᠤᠯᠤᠯᠳᠠ ᠲᠤᠮᠳᠠᠬᠢ ᠰᠢᠯᠢᠳᠡᠭᠵᠢᠬᠦᠯᠬᠦ ᠪᠤᠯᠤᠨ ᠨᠢᠭᠡᠳᠭᠡᠬᠦ ᠦᠢᠯᠡᠳᠦᠯ ᠢ ᠬᠦᠢᠴᠡᠳ ᠪᠠᠳᠠᠷᠠᠭᠤᠯᠵᠦ᠂ ᠢᠨᠲ᠋ᠧᠷ ᠰᠦᠯᠵᠢᠶ᠎ᠠ ᠶᠢᠨ ᠰᠢᠨ᠎ᠠ ᠎ ᠶᠢ ᠡᠬᠦᠳᠬᠦ ᠦᠷ᠎ᠡ ᠪᠦᠳᠦᠮᠵᠢ ᠶᠢ ᠠᠵᠦ ᠠᠬᠤᠢ ᠨᠡᠶᠢᠭᠡᠮ ᠤᠨ ᠡᠯ᠎ᠠ ᠬᠦᠷᠢᠶ᠎ᠡ ᠬᠡᠪᠴᠢᠶᠡᠨ ᠳᠤ ᠬᠦᠨ ᠣᠶᠠᠯᠳᠣᠭᠤᠯᠵᠦ᠂ ᠪᠤᠳᠠᠳᠤ ᠠᠵᠦ ᠠᠬᠤᠢ ᠶᠢᠨ ᠰᠢᠨ᠎ᠠ ᠢ ᠡᠭᠦᠳᠬᠦ ᠪᠠ ᠦᠢᠯᠡᠳᠪᠤᠷᠢᠯᠠᠯ ᠤᠨ ᠬᠦᠴᠦᠨ ᠢ ᠲᠡᠭᠡᠭᠰᠢᠯᠡᠬᠦᠯᠵᠦ᠂ ᠰᠦᠯᠵᠢᠶ᠎ᠠ ᠪᠠᠷ ᠰᠠᠭᠤᠷᠢ ᠲᠤᠨᠤᠭ ᠲᠦᠬᠦᠬᠡᠷᠤᠮᠵᠢ ᠪᠠ ᠪᠠᠭᠠᠵᠢ ᠪᠤᠯᠭᠠᠭᠰᠠᠨ ᠦᠷᠬᠡᠨ ᠳᠡᠯᠭᠡᠷᠡᠩᠬᠦᠢ ᠠᠵᠦ ᠠᠬᠤᠢ ᠶᠢᠨ ᠬᠦᠭᠵᠢᠯᠳᠠ ᠶᠢᠨ ᠰᠢᠨ᠎ᠠ ᠬᠡᠯᠪᠡᠷᠢ ᠶᠢ ᠪᠤᠢ ᠪᠤᠯᠭᠠᠬᠤ ᠶᠢ ᠵᠢᠭᠠᠵᠦ ᠪᠠᠶᠢᠨ᠎ᠠ᠃     2.︽ᠨᠢᠭᠡ ᠪᠦᠰᠡ ᠨᠢᠭᠡ ᠵᠠᠮ︾᠄ ︽ᠲᠣᠷᠭᠠᠨ ᠵᠠᠮ ᠤᠨ ᠠᠵᠦ ᠠᠬᠤᠢ ᠶᠢᠨ ᠪᠦᠰᠡ︾ ᠪᠠ ᠬᠤᠷᠢᠨ ᠨᠢᠭᠡᠳᠦᠭᠡᠷ ᠵᠠᠭᠤᠨ ᠤ ︽ᠲᠠᠯᠠᠢ ᠲᠡᠭᠡᠷᠡᠬᠢ ᠲᠣᠷᠭᠠᠨ ᠵᠠᠮ︾᠎ ᠶᠢ ᠲᠦᠭᠦᠮᠴᠢᠯᠡᠨ ᠬᠡᠯᠡᠵᠦ ᠪᠠᠶᠢᠨ᠎ᠠ᠃ ᠭᠤᠣᠯ ᠣᠳᠬ᠎ᠠ ᠨᠢ ᠡᠷᠳᠡᠨ ᠤ ᠦᠶ᠎ᠡ ᠶᠢᠨ ︽ᠲᠣᠷᠭᠠᠨ ᠵᠠᠮ︾᠎ ᠤᠨ ᠲᠡᠣᠬᠡᠳᠦ ᠨᠡᠷ᠎ᠡ ᠠᠯᠳᠠᠷ ᠢ ᠲᠦᠰᠢᠭᠯᠡᠵᠦ᠂ ᠡᠩᠬᠡ ᠲᠠᠶᠢᠪᠦᠩ ᠭᠦᠭᠵᠢᠯᠳᠡ ᠶᠢ ᠣᠷᠢᠶᠠᠯᠠᠵᠦ᠂ ᠣᠷᠣᠨ ᠪᠦᠰᠡ ᠶᠢᠨ ᠣᠯᠣᠰ ᠯᠤᠭ᠎ᠠ ᠶᠢᠨ ᠨᠦᠭᠦᠷᠰᠡᠭ ᠬᠠᠮᠳᠣᠷᠠᠯᠴᠠᠭᠠᠨ ᠎ ᠤ ᠬᠠᠷᠢᠴᠠᠭ᠎ᠠ ᠪᠠᠨ ᠢᠳᠡᠪᠬᠢᠲᠠᠢ ᠭᠦᠭᠵᠢᠭᠦᠯᠵᠦ᠂ ᠬᠠᠷᠢᠯᠴᠠᠨ ᠢᠳᠡᠬᠡᠯᠴᠡᠭᠰᠡᠨ᠂ ᠬᠠᠷᠢᠯᠴᠠᠨ ᠬᠠᠮᠳᠤᠷᠠᠯᠴᠠᠭᠰᠠᠨ᠂ ᠠᠰᠢᠭ ᠤᠷᠤᠯᠭ᠎ᠠ᠂ ᠬᠠᠷᠢᠭᠤᠴᠠᠯᠭ᠎ᠠ ᠶᠢᠨ ᠬᠠᠮᠳᠦ ᠶᠢᠨ ᠴᠣᠭᠴᠠ ᠶᠢ ᠡᠭᠦᠳᠦᠨ ᠪᠠᠶᠢᠭᠤᠯᠣᠨ᠎ᠠ᠃     3. ︽ᠭᠤᠷᠪᠠᠨ ᠮᠠᠯᠵᠢᠯ︾᠎ ᠤᠨ ᠳᠦᠷᠢᠮ᠄ ᠮᠠᠯᠵᠢᠬᠤ ᠶᠢ ᠵᠤᠭᠰᠤᠭᠠᠬᠤ᠂ ᠰᠡᠯᠭᠦᠨ ᠮᠠᠯᠵᠢᠬᠤ᠂ ᠡᠬᠡᠯᠵᠢᠯᠡᠨ ᠮᠠᠯᠵᠢᠬᠤ ᠳᠦᠷᠢᠮ ᠢ ᠵᠢᠭᠠᠵᠦ ᠪᠠᠶᠢᠨ᠎ᠠ᠃     4. ︽1328︾ ᠵᠠᠬᠢᠳᠠᠯ ᠰᠣᠷᠪᠣᠯᠵᠢᠯᠭ᠎ᠠ ᠶᠢᠨ ᠬᠦᠯᠢᠶᠡᠨ ᠠᠪᠬᠤ ᠡᠳᠦᠷ᠄ ᠨᠠᠮ ᠤᠨ ᠬᠤᠷᠢᠶ᠎ᠠ᠂ ᠵᠠᠰᠠᠭ ᠎ ᠤᠨ ᠤᠷᠳᠤᠨ ᠰᠠᠷ᠎ᠠ ᠪᠦᠷᠢ ᠶᠢᠨ13᠎ ᠤ ᠡᠳᠦᠷ ᠪᠤᠯᠤᠨ 28᠎ ᠤ ᠬᠠᠭᠠᠰ ᠡᠳᠦᠷ ᠤᠨ ᠴᠠᠭ ᠢ ᠠᠰᠢᠭᠯᠠᠨ ᠵᠠᠬᠢᠳᠠᠯ ᠰᠣᠷᠪᠣᠯᠵᠢᠯᠭ᠎ᠠ ᠶᠢᠨ ᠬᠠᠮᠳᠤᠷᠠᠭᠰᠠᠨ ᠬᠤᠷᠠᠯᠳᠤᠭᠠᠨ ᠢ ᠬᠤᠷᠠᠯᠳᠤᠭᠤᠯᠵᠦ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠭᠤᠯᠭ᠎ᠠ ᠶᠢᠨ ᠲᠡᠪᠰᠢᠭᠦᠯᠦᠭᠰᠡᠨ ᠰᠠᠨᠠᠯ ᠲᠣᠷᠠᠳᠣᠯᠭ᠎ᠠ ᠶᠢ ᠲᠤᠰᠬᠠᠢ ᠰᠤᠳᠤᠯᠤᠨ ᠶᠠᠷᠢᠯᠴᠠᠵᠤ ᠰᠢᠢᠳᠪᠤᠷᠢᠯᠡᠬᠦ ᠶᠢ ᠵᠢᠭᠠᠵᠦ ᠪᠠᠶᠢᠨ᠎ᠠ᠃     5. ︽ᠭᠤᠷᠪᠠᠨ ᠦᠨᠡᠮᠯᠡᠯ ᠢ ᠨᠢᠭᠡᠳᠭᠡᠬᠦ︾᠄ ᠠᠵᠦ ᠠᠬᠤᠶᠢᠯᠠᠯ ᠲᠠᠩᠰᠠᠯᠠᠬᠤ ᠦᠶᠡᠰ ᠲᠡᠰ ᠳᠠᠷᠠᠭᠠᠯᠠᠨ ᠡᠷᠡᠮᠡᠯᠵᠡᠯᠡᠬᠦ ᠵᠢᠭᠠᠵᠦ ᠪᠠᠶᠢᠨ᠎ᠠ᠂ ᠳᠠᠷᠤᠢ ᠦᠢᠯᠡᠳᠪᠤᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠭ᠎ᠠ ᠠᠴᠠ ᠦᠢᠯᠡᠳᠪᠤᠷᠢ ᠬᠤᠳᠠᠯᠳᠤᠭᠠᠨ ᠤ ᠡᠵᠡᠩᠨᠡᠯᠳᠡ ᠶᠢᠨ ᠦᠨᠡᠮᠯᠡᠯ ᠢ ᠬᠢᠨᠠᠨ ᠲᠠᠷᠬᠠᠭᠠᠬᠤ᠂ ᠵᠤᠬᠢᠶᠠᠨ ᠪᠠᠶᠢᠭᠤᠯᠤᠯᠳᠠ ᠶᠢᠨ ᠤᠷᠤᠯᠠᠬᠤ ᠨᠤᠮᠧᠷ ᠤᠨ ᠬᠠᠮᠢᠶᠠᠷᠤᠯᠳᠠ ᠶᠢᠨ ᠪᠠᠶᠢᠭᠤᠯᠭ᠎ᠠ ᠠᠴᠠ ᠵᠤᠬᠢᠶᠠᠨ ᠪᠠᠶᠢᠭᠤᠯᠤᠯᠳᠠ ᠶᠢᠨ ᠤᠷᠤᠯᠠᠬᠤ ᠳᠡᠮᠳᠡᠭ ᠤᠨ ᠦᠨᠡᠮᠯᠡᠯ ᠢ ᠬᠢᠨᠠᠨ ᠲᠠᠷᠬᠠᠭᠠᠬᠤ᠂ ᠭᠠᠶᠢᠯᠢ ᠶᠢᠨ ᠶᠠᠪᠤᠳᠠᠯ ᠤᠨ ᠲᠤᠪᠴᠢᠶ᠎ᠠ ᠠᠴᠠ ᠭᠠᠶᠢᠯᠢ ᠲᠠᠩᠰᠠᠯᠠᠬᠤ ᠦᠨᠡᠮᠯᠡᠯ ᠢ ᠬᠢᠨᠠᠨ ᠲᠠᠷᠬᠠᠭᠠᠬᠤ ᠶᠢ ᠦᠬᠡᠷᠡᠴᠢᠯᠡᠨ᠂ ᠪᠦᠬᠦ ᠬᠡᠷᠡᠴᠢ ᠲᠡᠮᠳᠡᠭ ᠢ ᠨᠢᠭᠡᠳᠬᠡᠨ ᠨᠢᠬᠡ ᠯᠠ ᠡᠵᠡᠩᠨᠡᠯᠳᠡ ᠶᠢᠨ ᠦᠨᠡᠮᠯᠡᠯ ᠪᠤᠯᠭᠠᠨ ᠳᠠᠩᠰᠠᠯᠠᠬᠤ ᠶᠢ ᠵᠢᠭᠠᠵᠦ ᠪᠠᠶᠢᠨ᠎ᠠ᠃     6. ︽ᠭᠠᠯ ᠲᠤᠭᠤᠭᠠᠨ ᠤ ᠦᠷᠦᠭᠡ ᠶᠢ ᠢᠯᠡ ᠪᠣᠯᠭᠠᠬᠤ︾᠄ ᠢᠯᠡ ᠳᠤᠳᠤ ᠲᠤᠭᠤᠭᠠᠨ ᠬᠡᠷ ᠪᠤᠯᠤᠨ ᠳᠦᠷᠰᠦ ᠰᠢᠩᠭᠡᠭᠡᠯᠳᠡ ᠲᠠᠢ ᠳᠤᠭᠤᠭᠠᠨ ᠭᠡᠷ ᠢ ᠪᠦᠳᠦᠭᠡᠨ ᠪᠠᠶᠢᠭᠤᠯᠬᠤ ᠪᠠᠷ ᠲᠠᠮᠵᠢᠨ᠂ ᠬᠡᠷᠡᠭᠯᠡᠭᠴᠢᠳ ᠳᠤᠭᠤᠭᠠᠨ ᠭᠡᠷ ᠤᠨ ᠬᠤᠭᠤᠯᠠ ᠬᠢᠵᠦ ᠪᠠᠶᠢᠭ᠎ᠠ ᠪᠦᠬᠦ ᠶᠠᠪᠤᠴᠠ᠂ ᠬᠦᠯᠳᠡᠬᠦᠦ ᠪᠠ ᠲᠦᠬᠦᠬᠡᠢ ᠢᠳᠡᠭᠡᠨ ᠤ ᠵᠦᠢᠯ ᠢ ᠡᠳ᠋ᠰᠢᠯᠡᠬᠦᠯᠵᠦ ᠪᠠᠶᠢᠭ᠎ᠠ ᠪᠠᠶᠢᠳᠠᠯ᠂ ᠰᠠᠪᠠ ᠬᠡᠷᠡᠭᠰᠡᠯ ᠤᠨ ᠠᠷᠢᠭᠤᠳᠬᠠᠯ ᠵᠡᠷᠭᠡ ᠶᠢ ᠰᠢᠭᠤᠳ ᠤᠯᠵᠦ ᠦᠵᠡᠬᠦ ᠶᠢ ᠵᠢᠭᠠᠵᠦ ᠪᠠᠶᠢᠨ᠎ᠠ᠃     7. ︽ᠭᠤᠷᠪᠠ ᠶᠢ ᠭᠠᠴᠠᠭ᠎ᠠ ᠳᠤ  ᠭᠦᠷᠭᠡᠬᠦ ᠭᠤᠷᠪᠠ ᠶᠢ ᠡᠷᠦᠬᠡ ᠳᠤ ᠭᠦᠷᠬᠡᠬᠦ︾᠄ ᠲᠦᠯᠦᠪᠵᠢᠬᠦᠯᠬᠡ ᠶᠢ ᠭᠠᠴᠠᠭ᠎ᠠ ᠡᠷᠦᠬᠡ ᠳᠤ ᠬᠦᠷᠭᠡᠬᠦ᠂ ᠲᠦᠷᠦᠯ ᠵᠦᠢᠯ ᠢ ᠭᠠᠴᠠᠭ᠎ᠠ ᠡᠷᠦᠬᠡ ᠳᠤ ᠬᠦᠷᠭᠡᠬᠦ᠂ ᠺᠠᠳ᠋ᠷ ᠠᠵᠢᠯᠲᠠᠨ ᠭᠠᠴᠠᠭ᠎ᠠ ᠡᠷᠦᠬᠡ ᠳᠤ ᠭᠦᠨᠵᠡᠭᠡᠶᠢᠷᠡᠬᠦ ᠶᠢ ᠵᠢᠭᠠᠵᠦ ᠪᠠᠶᠢᠨ᠎ᠠ᠃     8. ︽ᠵᠢᠷᠭᠤᠭᠠᠨ ᠤᠨᠤᠪᠴᠢᠳᠠᠢ︾᠄ ᠶᠠᠳᠠᠭᠤ ᠶᠢ ᠲᠡᠳᠭᠦᠭᠦ ᠡᠳᠡᠭᠡᠳ ᠨᠢ ᠤᠨᠤᠪᠴᠢᠳᠠᠢ᠂ ᠳᠦᠷᠦᠯ ᠵᠦᠢᠯ ᠎ ᠤᠨ ᠳᠤᠬᠢᠷᠠᠭᠤᠯᠤᠯᠳᠠ ᠤᠨᠤᠪᠴᠢᠳᠠᠢ᠂ ᠪᠡᠯᠡ ᠮᠦᠩᠭᠦ ᠶᠢᠨ ᠬᠡᠷᠡᠭᠯᠡᠯᠳᠡ ᠤᠨᠤᠪᠴᠢᠳᠠᠢ᠂ ᠡᠷᠦᠬᠡ ᠳᠤ ᠠᠪᠤᠭᠰᠠᠨ ᠠᠷᠭ᠎ᠠ ᠠᠪᠴᠠᠯ ᠨᠢ ᠤᠨᠤᠪᠴᠢᠳᠠᠢ᠂ ᠬᠦᠳᠡᠭᠡ ᠪᠠᠭᠤᠯᠭᠠᠭᠰᠠᠨ ᠬᠦᠮᠦᠨ ᠨᠢ ᠤᠨᠤᠪᠴᠢᠳᠠᠢ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠦᠮᠵᠢ ᠨᠢ ᠤᠨᠤᠪᠴᠢᠳᠠᠢ ᠶᠢ ᠵᠢᠭᠠᠵᠦ ᠪᠠᠶᠢᠨ᠎ᠠ᠃     9. ︽ᠳᠠᠪᠤᠨ ᠨᠢᠬᠡ ᠪᠦᠯᠦᠭ︾᠄ ᠦᠢᠯᠡᠳᠪᠤᠷᠢᠯᠡᠯ ᠤᠨ ᠬᠦᠭᠵᠢᠯᠳᠡ ᠪᠠᠷ ᠨᠢᠬᠡ ᠪᠦᠯᠦᠭ ᠢ ᠶᠠᠳᠠᠭᠤ ᠠᠴᠠ ᠠᠩᠬᠢᠵᠢᠷᠠᠭᠤᠯᠬᠤ᠂ ᠨᠡᠬᠦᠯᠬᠡᠨ ᠰᠢᠯᠵᠢᠭᠦᠯᠬᠦ ᠲᠦᠷᠦᠯ ᠵᠦᠢᠯ ᠢᠶᠠᠷ ᠨᠢᠬᠡ ᠪᠦᠯᠦᠭ ᠢ ᠶᠠᠳᠠᠭᠤ ᠠᠴᠠ ᠠᠩᠬᠢᠵᠢᠷᠠᠭᠤᠯᠬᠤ᠂ ᠠᠮᠢ ᠠᠬᠤᠢ ᠶᠢᠨ ᠨᠦᠬᠦᠪᠤᠷᠢ ᠪᠠᠷ ᠨᠢᠬᠡ ᠪᠦᠯᠦᠭ ᠢ ᠶᠠᠳᠠᠭᠤ ᠠᠴᠠ ᠠᠩᠬᠢᠵᠢᠷᠠᠭᠤᠯᠬᠤ᠂ ᠰᠤᠷᠭᠠᠨ ᠬᠦᠮᠦᠵᠢᠯ ᠢ ᠬᠦᠭᠵᠢᠬᠦᠯᠬᠦ ᠪᠠᠷ ᠨᠢᠬᠡ ᠪᠦᠯᠦᠭ ᠢ ᠶᠠᠳᠠᠭᠤ ᠠᠴᠠ ᠠᠩᠭᠢᠵᠢᠷᠠᠭᠤᠯᠬᠤ᠂ ᠨᠡᠶᠢᠭᠡᠮ ᠤᠨ ᠪᠠᠳᠤᠯᠠᠭ᠎ᠠ ᠪᠠᠷ ᠨᠢᠬᠡ ᠪᠦᠯᠦᠭ ᠢ ᠶᠠᠳᠠᠭᠤ ᠠᠴᠠ ᠠᠩᠬᠢᠵᠢᠷᠠᠭᠤᠯᠬᠤ ᠶᠢ ᠵᠢᠭᠠᠨ᠎ᠠ᠃     10. ︽ᠭᠤᠷᠪᠠ ᠶᠢ ᠤᠷᠬᠢᠭᠳᠠᠭᠤᠯᠬᠤ ᠦᠬᠡᠢ︾᠄ ᠭᠠᠴᠠᠭ᠎ᠠ ᠶᠢ ᠤᠷᠬᠢᠭᠳᠠᠭᠤᠯᠬᠤ ᠦᠬᠡᠢ᠂ ᠡᠷᠦᠬᠡ ᠶᠢ ᠤᠷᠬᠢᠭᠳᠠᠭᠤᠯᠬᠤ ᠦᠬᠡᠢ᠂ ᠬᠦᠮᠦᠨ ᠢ ᠤᠷᠬᠢᠭᠳᠠᠭᠤᠯᠬᠤ ᠦᠬᠡᠢ᠃     11. ︽ᠭᠤᠷᠪᠠ ᠶᠢ ᠨᠤᠷᠠᠭᠠᠬᠤ᠂ ᠭᠤᠷᠪᠠ ᠶᠢ ᠴᠡᠪᠡᠷᠯᠡᠬᠦ᠂ ᠭᠤᠷᠪᠠ ᠶᠢ ᠵᠠᠰᠠᠬᠤ᠂ ᠲᠦᠷᠪᠡ ᠶᠢ ᠭᠤᠸᠠᠵᠢᠭᠤᠯᠬᠤ︾᠄ ᠬᠠᠭᠤᠴᠢᠨ ᠰᠢᠪᠠᠷ ᠭᠡᠷ ᠪᠠᠶᠢᠰᠢᠩ᠂ ᠡᠪᠳᠡᠷᠬᠡᠢ ᠬᠡᠷᠡᠮ ᠬᠠᠨ᠎ᠠ᠂ ᠡᠪᠳᠡᠷᠬᠡᠢ ᠭᠡᠷ ᠭᠦᠷᠢᠶ᠎ᠡ ᠶᠢ ᠨᠤᠷᠠᠭᠠᠬᠤ᠃ ᠬᠤᠭ ᠨᠤᠪᠰᠢ᠂ ᠬᠠᠶᠠᠭᠳᠠᠮᠠᠯ ᠪᠣᠳᠠᠰ᠂ ᠠᠷᠭᠠᠯ ᠲᠦᠯᠡᠭᠡ ᠶᠢ ᠴᠡᠪᠡᠷᠯᠡᠨ ᠲᠡᠭᠰᠢᠯᠡᠬᠦ᠃ ᠬᠦᠷᠢᠶ᠎ᠡ ᠬᠠᠰᠢᠶ᠎ᠠ᠂ ᠵᠤᠷᠯᠤᠩ᠂ ᠫᠧᠩ ᠬᠤᠷᠤᠭ᠎ᠠ ᠶᠢ ᠵᠠᠰᠠᠬᠤ᠃ ᠨᠣᠭᠤᠭᠠᠷᠠᠭᠤᠯᠳᠠ᠂ ᠭᠤᠶᠣᠵᠢᠭᠤᠯᠣᠯᠳᠠ᠂ ᠬᠠᠳᠠᠭᠤᠷᠠᠭᠤᠯᠳᠠ᠂ ᠭᠡᠷᠡᠯᠳᠦᠭᠦᠯᠦᠯᠳᠡ ᠶᠢ ᠵᠢᠭᠠᠵᠦ ᠪᠠᠶᠢᠨ᠎ᠠ᠃     12. ︽ᠭᠤᠷᠪᠠᠨ ᠣᠷᠣᠨ ᠬᠤᠶᠠᠷ ᠱᠤᠭᠤᠮ︾᠄ ᠭᠤᠤᠯᠳᠠᠯᠭ᠎ᠠ ᠲᠠᠢ ᠨᠡᠷᠡᠳᠦ ᠦᠵᠡᠮᠵᠢ ᠶᠢᠨ ᠤᠷᠤᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠬᠤᠳᠠ ᠶᠢᠨ ᠲᠦᠯᠦᠪᠵᠢᠬᠦᠯᠦᠯᠳᠠ ᠶᠢᠨ ᠤᠷᠤᠨ᠂ ᠲᠡᠮᠤᠷ ᠵᠠᠮ ᠪᠤᠯᠤᠨ ᠭᠤᠤᠯ ᠵᠠᠰᠠᠮᠠᠯ ᠵᠠᠮ ᠲᠠᠭᠠᠤ ᠱᠤᠭᠤᠮ᠂ ᠲᠠᠯᠠᠢ ᠳᠠᠭᠠᠤ ᠵᠠᠮ ᠱᠤᠭᠤᠮ ᠵᠡᠷᠬᠡ ᠶᠢ ᠵᠢᠭᠠᠵᠦ ᠪᠠᠶᠢᠨ᠎ᠠ᠃     13. ᠠᠵᠢᠯ ᠠᠯᠳᠠᠭᠰᠠᠳ ᠤᠨ ᠨᠤᠷᠮ᠎ᠠ ᠶᠢ ᠲᠡᠮᠳᠡᠭᠯᠡᠬᠦ᠄ ᠮᠡᠳᠡᠭᠦᠯᠦᠯᠳᠠ ᠶᠢᠨ ᠰᠡᠭᠦᠯᠴᠢ ᠶᠢᠨ ᠬᠤᠭᠤᠴᠠᠭᠠᠨ ᠎ ᠤ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠬᠦᠮᠦᠨ ᠤ ᠲᠤᠭ᠎ᠠ ᠨᠢ ᠰᠡᠭᠦᠯᠴᠢ ᠶᠢᠨ ᠬᠤᠭᠤᠴᠠᠭᠠᠨ ᠳᠠᠬᠢ ᠠᠵᠢᠯ ᠡᠷᠬᠢᠯᠡᠵᠦ ᠪᠠᠶᠢᠭ᠎ᠠ ᠪᠦᠬᠦ ᠬᠦᠮᠦᠨ ᠤ ᠲᠤᠭ᠎ᠠ ᠪᠤᠯᠤᠨ ᠰᠡᠭᠦᠯᠴᠢ ᠶᠢᠨ ᠬᠤᠭᠤᠴᠠᠭᠠᠨ ᠤ ᠪᠤᠳᠠᠳᠠᠢ ᠪᠠᠶᠢᠬᠤ ᠬᠤᠳᠠ ᠪᠠᠯᠭᠠᠰᠤᠨ ᠤ ᠳᠡᠩᠰᠠᠯᠠᠭᠰᠠᠨ ᠠᠵᠢᠯ ᠠᠯᠳᠠᠭᠰᠠᠳ ᠤᠨ ᠬᠦᠮᠦᠨ ᠤ ᠲᠤᠭᠠᠨ ᠤ ᠨᠡᠶᠢᠯᠡᠪᠦᠷᠢ ᠶᠢᠨ ᠡᠵᠡᠯᠡᠬᠦ ᠬᠠᠷᠢᠴᠠᠯ᠃     14. ︽ᠨᠢᠬᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠄ ᠪᠠᠶᠢᠭᠤᠯᠭ᠎ᠠ ᠶᠢᠨ ᠤᠳᠤᠷᠢᠳᠬᠤ ᠺᠠᠳ᠋ᠷ ᠨᠢ ᠦᠪᠡᠷ ᠤᠨ ᠲᠤᠰ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠪᠤᠯᠤᠨ ᠨᠠᠮ ᠤᠨ ᠰᠤᠷᠳᠠᠯ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠪᠦᠳᠦᠭᠡᠨ ᠪᠠᠶᠢᠭᠤᠯᠤᠯᠳᠠ ᠳᠤ ᠪᠦᠷ ᠬᠠᠷᠢᠭᠤᠴᠠᠯᠭ᠎ᠠ ᠡᠭᠦᠷᠬᠡᠯᠡᠬᠦ ᠶᠢ ᠵᠢᠭᠠᠵᠦ ᠪᠠᠶᠢᠨ᠎ᠠ᠃     15. ︽ᠨᠢᠬᠡ ᠬᠠᠷᠠᠯᠳᠠ᠂ ᠬᠤᠶᠠᠷ ᠬᠠᠮᠳᠤ ᠶᠢᠨ᠂ ᠭᠤᠷᠪᠠᠨ ᠰᠠᠯᠵᠦ ᠪᠤᠯᠤᠰᠢ ᠦᠬᠡᠢ᠂ ᠳᠦᠷᠪᠡ ᠶᠢ ᠮᠡᠳᠡᠷᠡᠬᠦ᠂ ᠵᠢᠷᠭᠤᠭᠠᠨ ᠬᠠᠷᠢᠯᠴᠠᠨ᠂ ᠨᠠᠢᠮᠠ ᠶᠢ ᠪᠠᠷᠢᠮᠳᠠᠯᠠᠬᠤ︾᠄ ᠨᠢᠬᠡ ᠬᠠᠷᠠᠯᠳᠠ ᠨᠢ ᠬᠠᠷᠢᠯᠴᠠᠨ ᠬᠠᠪᠰᠤᠷᠤᠯᠴᠠᠵᠦ ᠂ ᠪᠦᠯᠬᠦᠮᠳᠡᠨ ᠨᠢᠭᠳᠠᠷᠠᠯᠴᠠᠵᠦ᠂ ᠬᠠᠮᠳᠤ ᠪᠠᠷ ᠴᠢᠷᠮᠠᠶᠢᠨ᠂ ᠡᠬᠡ ᠤᠷᠤᠨ ᠤ ᠤᠮᠠᠷᠠᠳᠤ ᠬᠡᠰᠡᠭ ᠤᠨ ᠦᠵᠡᠰᠭᠦᠯᠡᠩᠳᠦ ᠦᠵᠡᠮᠵᠢ ᠶᠢᠨ ᠱᠤᠭᠤᠮ ᠢ ᠪᠠᠶᠢᠭᠤᠯᠬᠤ᠃ ᠬᠤᠶᠠᠷ ᠬᠠᠮᠳᠦ ᠶᠢᠨ ᠬᠡᠳᠡᠭ ᠨᠢ ᠡᠯ᠎ᠠ ᠦᠨᠳᠤᠰᠤᠳᠠᠨ ᠬᠠᠮᠳᠤ ᠪᠠᠷ ᠪᠦᠯᠬᠦᠮᠳᠡᠨ ᠴᠢᠷᠮᠠᠶᠢᠵᠦ᠂ ᠬᠠᠮᠳᠤᠪᠡᠷ ᠬᠦᠭᠵᠢᠨ᠎ᠠ᠃ ᠭᠤᠷᠪᠠᠨ ᠰᠠᠯᠵᠦ ᠪᠣᠯᠣᠰᠢ ᠦᠬᠡᠢ ᠬᠡᠳᠡᠭ ᠨᠢ ᠬᠢᠳᠡᠳ ᠦᠨᠳᠤᠰᠤᠳᠠᠨ ᠴᠦᠬᠡᠨ ᠲᠤᠭᠠᠳᠤ ᠦᠨᠳᠤᠰᠤᠳᠠᠨ ᠠᠴᠠ ᠰᠠᠯᠵᠦ ᠪᠤᠯᠤᠰᠢ ᠦᠬᠡᠢ᠂ ᠴᠦᠬᠡᠨ ᠲᠤᠭᠠᠳᠤ ᠦᠨᠳᠤᠰᠤᠳᠠᠨ ᠬᠢᠳᠡᠳ ᠦᠨᠳᠤᠰᠤᠳᠠᠨ ᠠᠴᠠ ᠰᠠᠯᠵᠦ ᠪᠤᠯᠤᠰᠢ ᠦᠬᠡᠢ᠂ ᠡᠯ᠎ᠠ ᠴᠦᠬᠡᠨ ᠲᠤᠭᠠᠳᠤ ᠦᠨᠳᠤᠰᠤᠳᠠᠨ ᠬᠠᠷᠢᠯᠴᠠᠨ ᠰᠠᠯᠵᠦ ᠪᠤᠯᠤᠰᠢ ᠦᠬᠡᠢ᠃ ᠳᠦᠷᠪᠡ ᠶᠢ ᠮᠡᠳᠡᠷᠡᠬᠦ ᠬᠡᠳᠡᠭ ᠨᠢ ᠡᠬᠡ ᠤᠯᠤᠰ ᠢᠶᠠᠨ ᠮᠡᠳᠡᠷᠡᠬᠦ᠂ ᠲᠤᠮᠳᠠᠳᠤ ᠎ ᠶᠢᠨ ᠦᠨᠳᠤᠰᠤᠳᠠᠨ ᠢ ᠮᠡᠳᠡᠷᠡᠬᠦ᠂ ᠲᠤᠮᠳᠠᠳᠤ ᠶᠢᠨ ᠰᠤᠶᠤᠯ ᠢ ᠮᠡᠳᠡᠷᠡᠬᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠴᠢᠭᠯᠡᠯ ᠢ ᠮᠡᠳᠡᠷᠡᠬᠦ ᠪᠠᠨ ᠴᠢᠩᠭᠠᠳᠬᠠᠵᠦ᠂ ᠵᠢᠷᠭᠤᠭᠠᠨ ᠬᠠᠷᠢᠯᠴᠠᠨ ᠬᠡᠳᠡᠭ ᠨᠢ ᠬᠠᠷᠢᠯᠴᠠᠨ ᠤᠶᠢᠯᠠᠭᠠᠯᠴᠠᠬᠤ᠂ ᠬᠠᠷᠢᠯᠴᠠᠨ ᠭᠦᠨᠳᠦᠳᠬᠡᠬᠦ᠂ ᠬᠠᠷᠢᠯᠴᠠᠨ ᠪᠠᠭᠳᠠᠭᠠᠬᠤ᠂ ᠬᠠᠷᠢᠯᠴᠠᠨ ᠰᠤᠷᠤᠯᠴᠠᠬᠤ᠂ ᠬᠠᠷᠢᠯᠴᠠᠨ ᠬᠠᠪᠰᠤᠷᠤᠯᠴᠠᠬᠤ᠂ ᠨᠡᠢᠮᠠ ᠶᠢ ᠪᠠᠷᠢᠮᠳᠠᠯᠠᠬᠤ ᠭᠡᠳᠡᠭ ᠨᠢ ᠨᠠᠮ ᠤᠨ ᠵᠢᠯᠤᠭᠤᠳᠤᠯᠭ᠎ᠠ ᠶᠢ ᠪᠠᠷᠢᠮᠳᠠᠯᠠᠬᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠳᠠᠯᠠᠬᠤ᠂ ᠡᠬᠡ ᠤᠷᠤᠨ ᠤ ᠨᠢᠭᠡᠳᠦᠯ ᠢ ᠪᠠᠷᠢᠮᠳᠠᠯᠠᠬᠤ ᠂ ᠡᠯ᠎ᠠ ᠦᠨᠳᠤᠰᠤᠳᠠᠨ ᠤ ᠡᠷᠬᠡ ᠲᠡᠭᠰᠢ ᠶᠢ ᠪᠠᠷᠢᠮᠳᠠᠯᠠᠬᠤ᠂ ᠦᠨᠳᠤᠰᠤᠳᠠᠨ ᠤ ᠭᠠᠵᠠᠷ ᠤᠷᠤᠨ ᠤ ᠦᠪᠡᠷᠳᠡᠭᠡᠨ ᠵᠠᠰᠠᠬᠤ ᠶᠢ ᠪᠠᠷᠢᠮᠳᠠᠯᠠᠬᠤ᠂ ᠡᠯ᠎ᠠ ᠦᠨᠳᠤᠰᠤᠳᠠᠨ ᠤ ᠬᠠᠮᠳᠤ ᠪᠠᠷ ᠪᠦᠯᠬᠦᠮᠳᠡᠨ ᠲᠡᠮᠡᠴᠡᠵᠦ ᠬᠠᠮᠳᠤᠪᠡᠷ ᠬᠦᠭᠵᠢᠬᠦ ᠶᠢ ᠪᠠᠷᠢᠮᠳᠠᠯᠠᠬᠤ᠂ ᠲᠤᠮᠳᠠᠳᠤ ᠶᠢᠨ ᠦᠨᠳᠤᠰᠤᠳᠠᠨ ᠤ ᠬᠠᠮᠳᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠬᠦᠯᠬᠦ ᠶᠢ ᠪᠠᠷᠢᠮᠳᠠᠯᠠᠬᠤ᠂ ᠬᠠᠤᠯᠢ ᠶᠤᠰᠤᠭᠠᠷ ᠤᠯᠤᠰ ᠢᠶᠠᠨ ᠵᠠᠰᠠᠬᠤ ᠶᠢ ᠪᠠᠷᠢᠮᠳᠠᠯᠠᠬᠤ ᠶᠢ ᠵᠢᠭᠠᠵᠦ ᠪᠠᠶᠢᠨ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号