—— 2016 ᠤᠨ ᠤ 3 ᠰᠠᠷ᠎ᠠ ᠶᠢᠨ 9 ᠤ ᠡᠳᠥᠷ ᠤᠨ ᠰᠢᠯᠤᠭᠤᠨ ᠬᠦᠪᠡᠭᠡᠳᠤ ᠴᠠᠭᠠᠨ ᠬᠤᠰᠢᠭᠤᠨ | ᠤ ᠠᠷᠪᠠᠨ ᠳᠦᠷᠪᠡᠳᠥᠭᠡᠷ ᠬᠤᠭᠤᠴᠠᠭᠠᠨ ᠤ ᠠᠷᠠᠳᠣᠨ ᠳᠦᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠥᠭᠡᠷ | ᠤᠳᠠᠭᠠᠨ ᠤ ᠬᠤᠷᠠᠯᠳᠤᠭᠠᠨ ᠳᠡᠭᠡᠷᠡᠭᠢ ᠶᠠᠷᠢᠶ᠎ᠠ | ᠤᠷᠤᠯᠠᠭᠴᠢ ᠬᠤᠰᠢᠭᠤ ᠳᠠᠷᠤᠭ᠎ᠠ ᠰᠤ᠋ ᠫᠧᠩ | ᠳᠦᠯᠥᠭᠡᠯᠡᠭᠴᠢᠳ ᠡ᠄ | ᠤᠳᠤ ᠪᠢ ᠰᠢᠯᠤᠭᠤᠨ ᠬᠦᠪᠡᠭᠡᠳᠤ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ | ᠲᠦᠯᠥᠭᠡᠯᠡᠵᠤ᠂ ᠶᠡᠭᠡ ᠬᠤᠷᠠᠯ ᠲᠤ ᠠᠵᠢᠯ ᠢᠶᠠᠨ ᠬᠠᠷᠢᠭᠤ ᠮᠡᠳᠡᠭᠦᠯᠥᠶᠡ᠂ ᠬᠢᠨᠠᠨ ᠵᠦᠪᠯᠡᠬᠦ ᠪᠤᠯᠪᠠᠤ᠂ ᠬᠤᠰᠢᠭᠤ | ᠤᠯᠤᠰ ᠲᠦᠷᠥ ᠶᠢᠨ ᠵᠦᠪᠯᠡᠭᠡᠨ ᠤ ᠬᠡᠰᠢᠭᠦᠳ ᠪᠤᠯᠤᠨ ᠰᠤᠯᠠ ᠤᠷᠤᠯᠴᠠᠭ᠎ᠠ ᠨᠦᠭᠦᠳ ᠴᠦ ᠰᠠᠨᠠᠯ ᠢᠶᠠᠨ ᠳᠤᠷᠠᠳᠬᠤ | ᠪᠤᠯᠪᠠᠤ᠃ | ᠨᠢᠭᠡ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠭᠤᠤᠯ ᠠᠮᠵᠢᠯᠳᠠ ᠪᠤᠯᠤᠨ | 2015 ᠤᠨ ᠤ ᠠᠵᠢᠯ ᠤᠨ ᠡᠷᠭᠢᠴᠡᠭᠦᠯᠥᠯ | ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠠᠷᠠᠳ ᠢᠶᠠᠨ | ᠪᠠᠶᠠᠵᠢᠭᠤᠯᠵᠤ ᠬᠤᠰᠢᠭᠤ ᠪᠠᠨ ᠬᠦᠴᠥᠷᠭᠡᠭᠵᠢᠭᠦᠯᠬᠦ ᠠᠬᠢᠴᠠ ᠪᠠᠨ ᠲᠦᠷᠭᠡᠳᠬᠡᠵᠤ᠂ ᠴᠢᠨᠡᠭᠡᠯᠢᠭ ᠨᠡᠶᠢᠭᠡᠮ ᠤᠨ | ᠪᠦᠳᠥᠭᠡᠨ ᠪᠠᠶᠢᠭᠤᠯᠤᠯᠳᠠ ᠶᠢ ᠲᠦᠷᠭᠡᠳᠭᠡᠭᠰᠡᠨ ᠮᠦᠷᠳᠡᠭᠡᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠤ ᠬᠦᠭᠵᠢᠯᠳᠠ | ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠷᠭᠡᠳᠭᠡᠭᠰᠡᠨ ᠵᠠᠩᠭᠢᠯᠠᠭ᠎ᠠ ᠶᠢᠨ ᠬᠤᠭᠤᠴᠠᠭ᠎ᠠ ᠪᠤᠯᠬᠤ ᠶᠤᠮ᠃ | ᠲᠠᠪᠤᠨ ᠵᠢᠯ ᠤᠨ ᠲᠤᠷᠰᠢᠳᠠ᠂ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ | ᠬᠤᠰᠢᠭᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠥ ᠶᠢᠨ ᠵᠦᠪᠯᠡᠯᠭᠡᠨ ᠤ ᠬᠢᠨᠠᠯᠳᠠ | ᠳᠡᠮᠵᠢᠯᠭᠡ ᠳᠤᠤᠷ᠎ᠠ᠂ ᠬᠤᠰᠢᠭᠤ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠠᠷᠠᠳ | ᠳᠦᠮᠡᠨ ᠢ ᠪᠦᠯᠭᠦᠮᠳᠡᠭᠦᠯᠥᠨ ᠳᠠᠭᠠᠭᠤᠯᠵᠤ᠂ ᠠᠵᠠ ᠳᠤᠬᠢᠶᠠᠯ ᠢ ᠵᠠᠪᠳᠤᠨ᠂ ᠦᠨᠡᠨ ᠠᠴᠠ ᠵᠦᠪ ᠢ ᠡᠷᠢᠵᠤ᠂ | ᠬᠦᠴᠢᠷ ᠪᠡᠷᠬᠡ ᠶᠢ ᠢᠯᠠᠨ ᠳᠠᠪᠠᠵᠤ᠂ ᠨᠢᠭᠡᠳᠥᠯᠳᠡᠢ ᠪᠠᠷ ᠲᠦᠯᠥᠪᠯᠡᠨ ᠲᠤᠭᠳᠠᠭᠤᠨ ᠢᠶᠠᠷ ᠨᠡᠮᠡᠭᠳᠡᠭᠦᠯᠵᠤ᠂ | ᠦᠭᠡᠷᠡᠴᠢᠯᠡᠯᠲᠡ ᠶᠢ ᠠᠬᠢᠭᠤᠯᠵᠤ᠂ ᠪᠦᠳᠥᠴᠡ ᠶᠢ ᠳᠤᠬᠢᠷᠠᠭᠤᠯᠵᠤ᠂ ᠠᠷᠠᠳ ᠤᠨ ᠠᠮᠢᠳᠤᠷᠠᠯ ᠳᠤ ᠠᠰᠢᠭᠲᠠᠢ ᠡᠯ᠎ᠡ | ᠵᠦᠢᠯ ᠤᠨ ᠠᠵᠢᠯ ᠢ ᠬᠢᠵᠤ᠂ ︽ᠠᠷᠪᠠᠨ ᠬᠤᠶᠠᠳᠤᠭᠠᠷ ᠳᠠᠪᠤᠨ ᠵᠢᠯ︾ ᠤᠨ ᠲᠦᠯᠥᠪᠵᠢᠭᠦᠯᠭᠡ ᠳᠤ ᠳᠤᠭᠳᠠᠭᠠᠭᠰᠠᠨ | ᠬᠠᠷᠠᠯᠳᠠ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠵᠤ᠂ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ | ᠳᠤᠪᠤᠶᠢᠮ᠎ᠠ ᠠᠮᠵᠢᠯᠳᠠ ᠶᠢ ᠤᠯᠵᠠᠢ᠃ | — — ᠦᠩᠭᠡᠷᠡᠭᠰᠡᠨ ᠳᠠᠪᠤᠨ ᠵᠢᠯ ᠪᠤᠯ ᠶᠡᠷᠥᠩᠭᠡᠶᠢᠯᠡᠭᠰᠡᠨ ᠪᠤᠳᠠᠳᠤ ᠬᠦᠴᠤᠨ ᠬᠠᠮᠤᠭ ᠲᠦᠷᠭᠡᠨ ᠢᠶᠠᠷ | ᠨᠡᠮᠡᠭᠳᠡᠵᠤ᠂ ᠠᠵᠤ ᠠᠬᠤᠢ ᠶᠢᠨ ᠦᠷ᠎ᠡ ᠠᠰᠢᠭ ᠮᠡᠳᠡᠭᠳᠡᠮ᠎ᠡ ᠨᠡᠮᠡᠭᠳᠡᠭᠰᠡᠨ ᠲᠠᠪᠤᠨ ᠵᠢᠯ ᠪᠤᠯᠤᠨ᠎ᠠ᠃ ᠤᠷᠤᠨ ᠨᠤᠳᠤᠭ | ᠤᠨ ᠦᠢᠯᠡᠳᠪᠦᠷᠢᠯᠡᠯ ᠤᠨ ᠶᠡᠷᠥᠩᠭᠡᠢ ᠦᠷᠳᠡᠭ 2010 ᠤᠨ ᠤ 17.2 ᠳ᠋ᠦᠩᠰᠢᠭᠤᠷ ᠲᠦᠭᠦᠷᠢᠭ ᠪᠠᠶᠢᠭᠰᠠᠨ | ᠠᠴᠠ 2015 ᠤᠨ ᠪᠤᠯᠬᠤ ᠳᠤ 31.1 ᠳ᠋ᠦᠩᠰᠢᠭᠤᠷ ᠲᠦᠭᠦᠷᠢᠭ ᠪᠤᠯᠳᠠᠯ᠎ᠠ ᠨᠡᠮᠡᠭᠳᠡᠵᠤ᠂ ᠵᠢᠯ ᠪᠦᠷᠢ ᠳᠤᠮᠳᠠᠴᠢ | ᠪᠠᠷ 12.5% ᠪᠠᠷ ᠨᠡᠮᠡᠭᠳᠡᠭᠰᠡᠨ ᠪᠠᠶᠢᠨ᠎ᠠ᠃ ᠤᠯᠠᠨ ᠨᠡᠶᠢᠳᠠ ᠶᠢᠨ ᠡᠳ᠋ ᠤᠨ ᠵᠠᠰᠠᠭ ᠤᠨ ᠳᠦᠰᠥᠪ ᠤᠨ ᠤᠷᠤᠯᠭ᠎ᠠ | 0.38 ᠳ᠋ᠦᠩᠰᠢᠭᠤᠷ ᠲᠦᠭᠦᠷᠢᠭ ᠪᠠᠶᠢᠭᠰᠠᠨ ᠠᠴᠠ 1.23 ᠳ᠋ᠦᠩᠰᠢᠭᠤᠷ ᠲᠦᠭᠦᠷᠢᠭ ᠪᠤᠯᠳᠠᠯ᠎ᠠ ᠨᠡᠮᠡᠭᠳᠡᠵᠤ᠂ ᠵᠢᠯ | ᠪᠦᠷᠢ ᠳᠤᠮᠳᠠᠴᠢ ᠪᠠᠷ 26.1% ᠪᠠᠷ ᠨᠡᠮᠡᠭᠳᠡᠭᠰᠡᠨ ᠪᠠᠶᠢᠨ᠎ᠠ᠃ ᠪᠦᠬᠦ ᠨᠠᠶᠢᠭᠡᠮ ᠤᠨ ᠳᠤᠭᠳᠠᠮᠠᠯ ᠬᠦᠷᠥᠩᠭᠡ ᠶᠢᠨ | ᠪᠡᠯᠡ ᠤᠷᠤᠭᠤᠯᠤᠯᠳᠠ 13 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 23.4 ᠳ᠋ᠦᠩᠰᠢᠭᠤᠷ ᠲᠦᠭᠦᠷᠢᠭ ᠪᠤᠯᠵᠤ᠂ | ᠨᠡᠶᠢᠳᠡ 95 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ ᠵᠢᠯ ᠪᠦᠷᠢ ᠳᠤᠮᠳᠠᠴᠢ ᠪᠠᠷ 12.5% ᠪᠠᠷ ᠨᠠᠮᠡᠭᠳᠡᠭᠰᠡᠨ | ᠪᠠᠶᠢᠨ᠎ᠠ᠃ ᠪᠦᠬᠦ ᠨᠠᠶᠢᠭᠡᠮ ᠤᠨ ᠭᠡᠷᠡᠭᠯᠡᠭᠡᠨ ᠤ ᠵᠤᠶᠢᠯᠡᠰ ᠤᠨ ᠵᠢᠵᠢᠭᠯᠡᠨ ᠬᠤᠳᠠᠯᠳᠤᠭᠰᠠᠨ ᠶᠡᠷᠥᠩᠬᠡᠢ ᠦᠷᠳᠡᠭ 4.3 | ᠳ᠋ᠦᠩᠰᠢᠭᠤᠷ ᠲᠦᠭᠦᠷᠢᠭ ᠠᠴᠠ ᠨᠡᠮᠡᠭᠳᠡᠨ 7.7 ᠳ᠋ᠦᠩᠰᠢᠭᠤᠷ ᠲᠦᠭᠦᠷᠢᠭ ᠲᠤ ᠬᠦᠷᠴᠤ᠂ ᠵᠢᠯ ᠳᠤᠮᠳᠠᠴᠢ ᠪᠠᠷ 12. | 4% ᠪᠠᠷ ᠨᠡᠮᠡᠭᠳᠡᠭᠰᠡᠨ ᠪᠠᠶᠢᠨ᠎ᠠ᠃ ᠭᠤᠤᠯ ᠪᠤᠯᠬᠤ ᠠᠵᠤ ᠠᠬᠤᠢ ᠶᠢᠨ ᠭᠦᠢᠴᠡᠳᠭᠡᠬᠦ ᠳᠤᠭᠠᠨ ᠤ ᠨᠡᠮᠡᠭᠳᠡᠯ ᠤᠨ | ᠬᠤᠷᠳᠤᠴᠠ ᠴᠦᠮ ᠬᠤᠶᠠᠷ ᠤᠷᠤᠨᠳᠤ ᠳᠤᠭᠠᠨ ᠠᠴᠠ ᠲᠡᠭᠡᠭᠰᠢᠭᠢ ᠨᠡᠮᠡᠭᠳᠡᠯ ᠢ ᠪᠠᠳᠤᠯᠠᠵᠤ᠂ ᠪᠦᠬᠦ ᠤᠷᠤᠨ ᠪᠦᠬᠦ | ᠠᠶᠢᠮᠠᠭ ᠤᠨ ᠳᠡᠭᠰᠢᠳᠬᠡᠭᠰᠡᠨ ᠲᠦᠪᠰᠢᠨ ᠠᠴᠠ ᠦᠨᠳᠥᠷ ᠪᠠᠶᠢᠵᠤ᠂ ᠶᠠᠷᠥᠩᠬᠡᠶᠢᠯᠡᠭᠰᠡᠨ ᠠᠵᠤ ᠠᠬᠤᠢ ᠶᠢᠨ ᠬᠦᠴᠤᠨ | ᠢᠯᠡᠳᠳᠠ ᠳᠡᠭᠡᠭᠰᠢᠯᠡᠭᠰᠡᠨ ᠪᠠᠶᠢᠨ᠎ᠠ᠃ | — — ᠦᠩᠭᠡᠷᠡᠭᠰᠡᠨ ᠳᠠᠪᠤᠨ ᠵᠢᠯ ᠪᠤᠯ ᠠᠵᠤ ᠦᠢᠯᠡᠳᠪᠦᠷᠢ ᠶᠢᠨ ᠪᠦᠳᠤᠴᠡ ᠤᠯᠠᠮ ᠨᠢᠭᠡ ᠠᠯᠬᠤᠮ | ᠰᠢᠯᠢᠳᠡᠭᠵᠢᠵᠤ᠂ ᠬᠡᠯᠪᠡᠷᠢ ᠶᠢᠨ ᠬᠤᠪᠢᠷᠠᠭᠤᠯᠤᠯᠳᠠ ᠶᠢᠨ ᠲᠡᠰ ᠳᠡᠪᠰᠢᠯᠳᠠ ᠶᠢ ᠲᠠᠰᠤᠷᠠᠯᠳᠠ ᠦᠭᠡᠢ ᠲᠦᠷᠭᠡᠳᠬᠡᠭᠰᠡᠨ | ᠲᠠᠪᠤᠨ ᠵᠢᠯ ᠪᠤᠯᠤᠨ᠎ᠠ᠃ ᠭᠤᠷᠪᠠᠨ ᠠᠵᠤ ᠦᠢᠯᠡᠰ ᠤᠨ ᠪᠦᠳᠥᠴᠡ ᠨᠢ 2010 ᠤᠨ ᠤ 19᠄ 51᠄ 30 | ᠪᠠᠶᠢᠭᠰᠠᠨ ᠠᠴᠠ 2015 ᠤᠨ ᠤ 16᠄ 51᠄ 33 ᠪᠤᠯᠵᠤ ᠬᠤᠪᠢᠷᠠᠭᠰᠠᠨ ᠪᠠᠶᠢᠨ᠎ᠠ᠃ ᠪᠦᠬᠦ ᠬᠤᠰᠢᠭᠤᠨ ᠤ | ᠠᠰ ᠲᠠᠭᠠᠨ ᠲᠤᠭᠠᠴᠠᠭ᠎ᠠ ᠬᠢᠭᠰᠡᠨ ᠪᠤᠯᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠳᠤᠰ ᠳᠤᠰ 66 ᠡᠷᠥᠬᠡ ᠪᠤᠯᠤᠨ 22 ᠡᠷᠥᠬᠡ ᠳᠤ ᠬᠦᠷᠥᠭᠰᠡᠨ ᠪᠠᠶᠢᠨ᠎ᠠ᠃ ᠭᠥᠸᠧ ᠳ᠋ᠢᠶᠠᠨ ᠴᠠᠬᠢᠯᠭᠠᠨ | ᠬᠦᠴᠤᠨ᠂ ᠬᠤᠸᠠ ᠳ᠋ᠢᠶᠠᠨ ᠰᠢᠨ᠎ᠠ ᠡᠨᠧᠷᠭᠢ᠂ ᠢ ᠬᠤᠤ ᠠᠭᠤᠷᠬᠠᠢ ᠶᠢᠨ ᠦᠢᠯᠡᠰ᠂ ᠰᠢᠨᠵᠢᠶᠠᠩ ᠤᠨ ᠲᠧ ᠪᠢᠶᠠᠨ | ᠳ᠋ᠢᠶᠠᠨ ᠭᠥᠩ᠂ ᠵᠢᠶᠠᠨ ᠠᠨ ᠴᠧᠩ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠢ ᠲᠠᠳᠠᠨ ᠤᠷᠤᠭᠤᠯᠤᠭᠰᠠᠨ | ᠪᠠᠶᠢᠨ᠎ᠠ᠃ ᠮᠠᠯ ᠳᠠᠷᠢᠶᠠᠯᠠᠩ ᠤᠨ ᠪᠦᠳᠥᠭᠡᠭᠳᠡᠭᠦᠨ ᠢ ᠪᠤᠯᠪᠠᠰᠤᠷᠠᠭᠤᠯᠬᠤ᠂ ᠰᠢᠨ᠎ᠡ ᠡᠨᠧᠷᠭᠢ᠂ ᠮᠠᠰᠢᠨ ᠳᠤᠨᠤᠭ | ᠦᠢᠯᠡᠳᠪᠦᠷᠢᠯᠡᠬᠦ᠂ ᠠᠭᠤᠷᠬᠠᠢ ᠰᠤᠩᠭᠤᠨ ᠨᠡᠭᠡᠭᠡᠬᠦ ᠵᠡᠷᠭᠡ ᠠᠵᠤ ᠦᠢᠯᠡᠳᠪᠦᠷᠢ ᠶᠢᠨ ᠠᠵᠤ ᠦᠢᠯᠡᠰ ᠤᠨ ᠪᠤᠷᠤ | ᠲᠦᠯᠥᠪ ᠢ ᠠᠩᠬ᠎ᠠ ᠠᠯᠬᠤᠮ ᠪᠦᠷᠢᠯᠳᠥᠭᠦᠯᠥᠭᠰᠡᠨ ᠪᠠᠶᠢᠨ᠎ᠠ᠃ ᠮᠠᠯ ᠠᠵᠤ ᠠᠬᠤᠢ ᠲᠠᠷᠢᠶᠠᠯᠠᠩ ᠤᠨ ᠴᠢᠨᠠᠷᠵᠢᠯ ᠢ | ᠳᠡᠭᠡᠭᠰᠢᠯᠡᠭᠦᠯᠵᠤ ᠦᠷ᠎ᠡ ᠠᠰᠢᠭ ᠢ ᠳᠡᠭᠡᠭᠰᠢᠯᠡᠭᠦᠯᠵᠤ᠂ ᠮᠠᠯᠵᠢᠯ ᠤᠨ ᠤᠨ ᠳᠤ ᠮᠡᠯ ᠤᠨ ᠳᠤᠭ᠎ᠠ ᠶᠢ 55.6 ᠲᠦᠮᠡ | ᠤᠷᠴᠢᠮ ᠪᠠᠶᠢᠯᠭᠠᠵᠤ᠂ ᠲᠠᠷᠢᠶᠠᠨ ᠳᠠᠯᠠᠪᠠᠢ 25.8 ᠲᠦᠮᠡᠨ ᠮᠦ ᠳᠤ ᠳᠤᠭᠳᠠᠪᠤᠷᠢᠵᠢᠭᠰᠠᠨ ᠪᠠᠶᠢᠨ᠎ᠠ᠃ ᠮᠧᠩ ᠱᠧᠩ | ᠮᠢᠬᠠᠨ ᠤ ᠤᠶᠢᠯᠡᠰ᠂ ᠱᠦᠨ ᠲᠧᠩ ᠨᠤᠤᠰᠤ ᠨᠤᠤᠯᠤᠷ᠂ ᠠᠩᠭᠢᠯᠤᠮ᠎ᠠ ᠴᠠᠭᠠᠨ ᠢᠳᠡᠭᠡ ᠪᠣᠯᠪᠰᠤᠷᠠᠭᠤᠯᠬᠤ ᠵᠡᠷᠭᠡ | 20 ᠮᠠᠯ ᠲᠡᠷᠢᠶᠠᠯᠠᠩ ᠤᠨ ᠠᠵᠤ ᠦᠢᠯᠡᠰᠵᠢᠭᠰᠡᠨ ᠠᠵᠤ ᠠᠬᠤᠶᠢᠯᠠᠯ ᠢ ᠳᠡᠳᠭᠦᠨ ᠪᠤᠶᠢᠵᠢᠭᠤᠯᠵᠠᠢ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠦᠳᠳᠡᠷ ᠲᠦᠷᠭᠡᠨ ᠬᠦᠭᠵᠢᠵᠤ᠂ ᠮᠦᠡᠭᠭᠦᠨ ᠬᠦᠢᠯᠭᠡᠭᠡ᠂ | ᠲᠠᠭᠠᠳᠬᠠᠯ᠂ ᠠᠷᠡᠯᠵᠢᠶ᠎ᠠ ᠬᠤᠳᠠᠯᠳᠤᠭ᠎ᠠ᠂ ᠵᠤᠭᠠᠴᠠᠯ᠂ ᠢᠳᠡᠭᠡᠨ ᠤᠮᠳᠠᠭᠠᠨ᠂ ᠪᠠᠭᠤᠳᠠᠯ ᠤᠨ ᠦᠢᠯᠡᠰ ᠲᠤᠭᠳᠠᠭᠤᠨ | ᠢᠶᠠᠷ ᠬᠦᠭᠵᠢᠵᠦ᠂ ᠡᠯᠧᠺᠲᠷᠦᠨ ᠬᠤᠳᠠᠯᠳᠤᠭᠠᠨ ᠤ ᠶᠠᠪᠤᠳᠡᠯ᠂ ᠲᠦᠷᠭᠡᠨ ᠲᠠᠮᠵᠢᠭᠤᠯᠭ᠎ᠠ᠂ ᠪᠠᠷᠠᠭᠠᠨ ᠤ ᠬᠦᠢᠯᠭᠡᠭᠡ | ᠵᠡᠷᠭᠡ ᠦᠢᠯᠡᠰ ᠰᠢᠨ᠎ᠡ ᠰᠢᠪᠳᠤᠯᠤᠯᠳᠠ ᠲᠠᠢ ᠪᠤᠯᠵᠦ᠂ ᠡᠷᠡᠭᠦᠯ ᠴᠢᠬᠢᠷᠠᠭ ᠠᠰᠠᠷᠠᠮᠵᠢ᠂ ᠠᠳᠠᠯ ᠠᠬᠤᠢ ᠶᠢᠨ | ᠬᠠᠮᠢᠶᠠᠷᠤᠯᠳᠠ ᠶᠢᠨ ᠦᠢᠯᠡᠰ ᠡᠬᠢᠯᠡᠯᠳᠡ ᠲᠠᠢ ᠪᠤᠯᠵᠦ᠂ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ | ᠲᠦᠪᠰᠢᠨ ᠳᠡᠭᠡᠭᠰᠢᠯᠡᠵᠤ᠂ ᠠᠮᠢᠵᠢᠷᠠᠯ ᠤᠨ ᠬᠦᠴᠦᠨ ᠲᠠᠬᠢᠨ ᠢᠶᠠᠷ ᠨᠡᠮᠡᠭᠳᠡᠭᠦ ᠱᠠᠳᠦᠨ ᠳᠤ ᠤᠷᠤᠭᠰᠠᠨ ᠪᠠᠶᠢᠨ᠎ᠡ᠃ | 2015 ᠤᠨ ᠳᠤ ᠵᠤᠭᠠᠴᠠᠯ ᠤᠨ ᠦᠢᠯᠡᠰ ᠨᠢ 18 ᠲᠦᠮᠡᠨ ᠬᠦᠮᠦᠨ ᠤᠳᠠᠭᠠᠨ ᠤ ᠵᠤᠭᠠᠴᠠᠭᠴᠢ ᠶᠢ ᠬᠦᠯᠢᠶᠡᠨ | ᠲᠤᠰᠴᠤ᠂ ᠵᠤᠭᠠᠴᠠᠯ ᠤᠨ ᠤᠷᠤᠯᠭ᠎ᠠ 3.5 ᠳ᠋ᠦᠩᠰᠢᠭᠤᠷ ᠲᠦᠭᠦᠷᠢᠭ ᠢ ᠪᠡᠶᠡᠯᠡᠭᠦᠯᠦᠭᠰᠡᠨ ᠪᠠᠶᠢᠨ᠎ᠡ᠃ ᠡᠨᠡ ᠨᠢ | ᠲᠤᠰ ᠲᠤᠰ 2010 ᠤᠨ ᠤ 1.43 ᠲᠡᠬᠢᠨ ᠪᠤᠯᠤᠨ 7.29 ᠲᠠᠬᠢᠨ ᠪᠤᠯᠵᠠᠢ᠃ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠤᠷᠤᠨ ᠨᠤᠳᠤᠭ ᠤᠨ ᠠᠵᠤ ᠠᠬᠤᠢ ᠶᠢ ᠳᠡᠮᠵᠢᠬᠦ ᠬᠦᠴᠤᠯᠡᠴᠡ ᠢᠯᠡᠳᠳᠠ ᠨᠡᠮᠡᠭᠳᠡᠵᠤ᠂ ᠪᠦᠬᠦ | ᠬᠤᠰᠢᠭᠤᠨ ᠤ ᠡᠯ᠎ᠡ ᠲᠦᠷᠥᠯ ᠤᠨ ᠬᠠᠳᠠᠭᠠᠯᠠᠮᠵᠢ ᠶᠢᠨ ᠦᠯᠡᠳᠡᠪᠥᠷᠢ 18.2 ᠳ᠋ᠦᠩᠰᠢᠭᠤᠷ ᠲᠦᠭᠦᠷᠢᠭ ᠲᠤ ᠬᠦᠷᠴᠤ | ᠂ ᠡᠯ᠎ᠡ ᠲᠦᠷᠥᠯ ᠤᠨ ᠵᠢᠭᠡᠯᠡᠯᠭᠡ ᠶᠢᠨ ᠦᠯᠡᠳᠡᠪᠥᠷᠢ 12.4 ᠳ᠋ᠦᠩᠰᠢᠭᠤᠷ ᠲᠦᠭᠦᠷᠢᠭ ᠲᠤ ᠬᠦᠷᠴᠤ᠂ ᠲᠤᠰ ᠲᠤᠰ | 2010 ᠤᠨ ᠤ 1.95 ᠲᠠᠬᠢᠨ ᠪᠠ 1.93 ᠲᠠᠬᠢᠨ ᠪᠤᠯᠪᠠ᠃ | — — ᠦᠩᠭᠡᠷᠡᠭᠰᠡᠨ ᠳᠠᠪᠤᠨ ᠵᠢᠯ ᠪᠤᠯ ᠠᠷᠠᠳ ᠤᠨ ᠠᠮᠢᠳᠦᠷᠠᠯ ᠤᠨ ᠲᠡᠯ᠎ᠠ ᠶᠢᠨ ᠤᠷᠤᠭᠤᠯᠤᠯᠳᠠ | ᠬᠠᠮᠤᠭ ᠶᠡᠭᠡ᠂ ᠤᠯᠠᠨ ᠲᠦᠮᠡᠨ ᠬᠠᠮᠤᠭ ᠤᠯᠠᠨ ᠠᠰᠢᠭ ᠲᠤᠰᠠ ᠭᠦᠷᠳᠡᠭᠰᠡᠨ ᠳᠠᠪᠤᠨ ᠵᠢᠯ ᠪᠤᠯᠤᠨ᠎ᠠ᠃ ᠠᠷᠠᠳ ᠤᠨ | ᠠᠮᠢᠳᠦᠷᠡᠯ ᠪᠤᠯᠤᠨ ᠨᠡᠶᠢᠭᠡᠮ ᠤᠨ ᠪᠠᠲᠤᠯᠠᠭᠠᠨ ᠤ ᠲᠠᠯ᠎ᠠ ᠳᠠᠬᠢ ᠵᠠᠷᠤᠯᠭ᠎ᠠ 36.7 ᠳ᠋ᠦᠩᠰᠢᠭᠤᠷ ᠲᠦᠭᠦᠷᠢᠭ ᠲᠤ | ᠬᠦᠷᠴᠦ᠂ ᠡᠳ᠋ ᠤᠨ ᠵᠠᠰᠠᠭ ᠤᠨ ᠵᠠᠷᠤᠯᠭ᠎ᠠ ᠶᠢᠨ 85.1% ᠶᠢ ᠡᠵᠡᠯᠡᠵᠠᠢ᠃ ᠰᠢᠨᠵᠢᠯᠡᠬᠦ ᠤᠬᠠᠭᠠᠨ᠂ ᠰᠤᠷᠭᠠᠨ | ᠬᠦᠮᠥᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠰᠤᠶᠤᠯ ᠲᠠᠮᠢᠷ ᠤᠨ ᠦᠢᠯᠡᠰ ᠪᠦᠬᠦ ᠲᠠᠯ᠎ᠠ ᠪᠠᠷ ᠬᠦᠭᠵᠢᠵᠤ᠂ | ᠨᠡᠶᠢᠭᠡᠮ ᠤᠨ ᠪᠠᠳᠤᠯᠠᠭ᠎ᠠ ᠪᠤᠯᠤᠨ ᠠᠪᠤᠷᠠᠨ ᠲᠡᠳᠭᠦᠬᠦ ᠰᠧᠰᠲ᠋ᠧᠮ ᠤᠯᠠᠮ ᠳᠡᠭᠦᠯᠳᠡᠷᠵᠢᠪᠡ᠃ ᠬᠤᠳᠡ ᠬᠦᠳᠡᠭᠡ ᠶᠢᠨ | ᠪᠠᠶᠢᠩᠭᠤ ᠶᠢᠨ ᠰᠠᠭᠤᠭᠠᠯᠢ ᠠᠷᠠᠳ ᠤᠨ ᠲᠡᠭᠡᠭᠰᠢᠳᠭᠡᠭᠰᠡᠨ ᠡᠵᠡᠮᠰᠢᠵᠦ ᠪᠤᠯᠬᠤ ᠤᠷᠤᠯᠭ᠎ᠠ 27364 ᠲᠦᠭᠦᠷᠢᠭ | ᠪᠤᠯᠤᠨ 8244 ᠲᠦᠭᠦᠷᠢᠭ ᠲᠤ ᠬᠦᠷᠴᠦ᠂ ᠵᠢᠯ ᠳᠤᠮᠳᠠᠴᠢ ᠪᠠᠷ 13.5% ᠪᠤᠯᠤᠨ 10.9% ᠪᠠᠷ ᠨᠡᠮᠡᠭᠳᠡᠭᠰᠡᠨ | ᠪᠠᠶᠢᠨ᠎ᠡ᠃ 4626 ᠬᠤᠳᠡ ᠪᠠᠯᠭᠠᠰᠦᠨ ᠤ ᠠᠷᠠᠳ ᠲᠤ ᠰᠢᠨ᠎ᠡ ᠪᠠᠷ ᠠᠵᠢᠯ ᠤᠯᠭᠤᠵᠦ᠂ ᠬᠤᠳᠠ ᠪᠠᠯᠭᠠᠰᠦᠨ ᠤ | ᠠᠵᠢᠯ ᠠᠯᠳᠠᠯᠳᠠ ᠶᠢᠨ ᠨᠤᠷᠮ᠎ᠡ ᠶᠢ 3.6% ᠶᠢᠨ ᠲᠤᠳᠤᠷ᠎ᠡ ᠬᠢᠵᠠᠭᠠᠷᠯᠡᠨ᠂ ᠮᠠᠯᠵᠢᠬᠤ ᠲᠠᠷᠢᠶᠠᠯᠠᠬᠤ ᠤᠷᠤᠨ ᠤ 2. | 7 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠵᠡᠢ᠃ | — — ᠦᠩᠭᠡᠷᠡᠭᠰᠡᠨ ᠳᠠᠪᠤᠨ ᠵᠢᠯ ᠪᠤᠯ ᠬᠤᠳᠠ ᠬᠦᠳᠡᠭᠡ ᠶᠢᠨ ᠲᠦᠷᠢ ᠳᠦᠷᠬᠦ ᠢᠯᠡᠳᠳᠠ ᠬᠤᠪᠢᠷᠠᠯᠳᠠ | ᠲᠠᠢ ᠪᠤᠯᠵᠤ᠂ ᠰᠠᠭᠤᠷᠰᠢᠬᠤ ᠤᠷᠴᠢᠨ ᠦᠷᠭᠦᠯᠵᠢᠯᠡᠨ ᠰᠠᠶᠢᠵᠢᠷᠠᠭᠰᠠᠨ ᠳᠠᠪᠤᠨ ᠵᠢᠯ ᠪᠤᠯᠤᠨ᠎ᠠ᠃ ᠨᠡᠶᠢᠳᠡ 9.93 | ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠦ᠂ ᠤᠰᠤ᠂ ᠴᠠᠬᠢᠯᠭᠠᠨ᠂ ᠵᠠᠮ᠂ ᠨᠤᠭᠤᠭᠠᠷᠠᠭᠤᠯᠤᠯᠳᠠ᠂ | ᠭᠡᠷᠡᠯᠲᠦᠭᠦᠯᠭᠡ ᠵᠡᠷᠭᠡ ᠬᠤᠳᠠ ᠬᠦᠳᠡᠭᠡ ᠶᠢᠨ ᠰᠠᠭᠤᠷᠢ ᠲᠦᠬᠦᠭᠡᠷᠥᠮᠵᠢ ᠤᠨ ᠢᠨᠵᠧᠨᠧᠷᠢᠩ ᠢ ᠦᠷᠨᠢᠭᠦᠯᠵᠠᠢ᠃ 3. | 37 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠦ᠂ 675.4 ᠺᠢᠯᠤᠮᠧᠲᠷ ᠤᠨ ᠵᠠᠰᠠᠮᠠᠯ ᠵᠠᠮ ᠢ ᠰᠢᠨ᠎ᠡ ᠪᠠᠷ | ᠵᠠᠰᠠᠵᠦ᠂ ᠰᠤᠮᠤ ᠪᠠᠯᠭᠠᠰᠦ ᠪᠤᠯᠤᠨ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠤ ᠵᠠᠰᠠᠮᠠᠯ ᠵᠠᠮ ᠤᠨ ᠰᠠᠭᠠᠳ ᠦᠭᠡᠢ | ᠨᠡᠪᠳᠡᠷᠡᠬᠦ ᠨᠤᠷᠮ᠎ᠡ ᠲᠤᠰᠪᠤᠷᠢ 100% ᠪᠤᠯᠤᠨ 88.3% ᠳᠤ ᠬᠦᠷᠥᠭᠰᠡᠨ ᠪᠠᠶᠢᠨ᠎ᠠ᠃ 2.81 ᠳ᠋ᠦᠩᠰᠢᠭᠤᠷ | ᠲᠦᠭᠦᠷᠢᠭ ᠤᠨ ᠪᠡᠯᠨ ᠤᠷᠤᠭᠤᠯᠤᠨ᠂ 11 ᠰᠠᠭᠤᠷᠢ ᠬᠦᠴᠦᠳᠡᠯ ᠦᠭᠡᠷᠡᠴᠢᠯᠡᠬᠦ ᠦᠷᠳᠡᠭᠡ ᠶᠢ ᠰᠢᠨ᠎ᠠ ᠪᠠᠷ ᠪᠤᠶᠤ | ᠦᠭᠡᠷᠡᠴᠢᠯᠡᠨ ᠪᠠᠶᠢᠭᠤᠯᠵᠤ᠂ 850 ᠮᠠᠯᠴᠢᠨ ᠡᠷᠤᠭᠡ ᠳᠤ ᠪᠠᠶᠢᠩᠭᠤ ᠶᠢᠨ ᠴᠡᠬᠢᠯᠭᠠᠨ ᠨᠡᠪᠳᠡᠷᠡᠭᠦᠯᠵᠠᠢ᠃ 5251 | ᠲᠦᠮᠡᠨ ᠲᠦᠭᠦᠷᠢᠭ ᠤᠨ ᠪᠡᠯᠨ ᠤᠷᠤᠭᠤᠯᠵᠤ᠂ 1760 ᠤᠰᠦᠨ ᠤ ᠡᠬᠢ ᠰᠤᠷᠪᠤᠯᠵᠢ ᠶᠢ ᠰᠢᠨ᠎ᠠ ᠪᠠᠷ ᠪᠠᠶᠢᠭᠤᠯᠵᠤ᠂ | ᠮᠠᠯᠵᠢᠬᠤ ᠲᠠᠷᠢᠶᠠᠯᠠᠬᠤ ᠤᠷᠤᠨ ᠤ 6101 ᠬᠦᠮᠦᠨ ᠠᠮᠨ ᠪᠤᠯᠤᠨ 15.85 ᠲᠦᠮᠡᠨ ᠮᠠᠯ ᠤᠨᠤᠭ᠎ᠠ ᠶᠢᠨ ᠠᠮᠥᠷ | ᠲᠦᠪᠰᠢᠨ ᠤᠰᠦᠨ ᠤ ᠠᠰᠠᠭᠤᠳᠡᠯ ᠢ ᠰᠢᠢᠳᠪᠦᠷᠢᠯᠡᠵᠠᠢ᠃ 3.22 ᠳ᠋ᠦᠩᠰᠢᠭᠤᠷ ᠲᠦᠭᠦᠷᠢᠭ ᠤᠨ ᠪᠡᠯᠨ | ᠤᠷᠤᠭᠤᠯᠵᠤ᠂ 11 ᠵᠤᠷᠪᠤᠰ ᠵᠡᠭᠡᠯᠢ ᠭᠤᠳᠤᠮᠵᠢᠨ ᠤ ᠵᠠᠮ ᠢ ᠰᠢᠨ᠎ᠡ ᠪᠠᠷ ᠪᠠᠶᠢᠭᠤᠯᠤᠭᠰᠠᠨ ᠪᠤᠶᠤ ᠦᠭᠡᠷᠡᠴᠢᠯᠡᠨ | ᠪᠠᠶᠢᠭᠤᠯᠵᠤ᠂ ᠬᠤᠳᠠ ᠶᠢᠨ ᠨᠤᠭᠤᠭᠠᠷᠠᠭᠤᠯᠤᠯᠳᠠ ᠶᠢᠨ ᠲᠠᠯᠠᠪᠠᠢ ᠶᠢ 25 ᠲᠦᠮᠡᠨ ᠲᠡᠭᠰᠢ ᠲᠦᠷᠪᠡᠯᠵᠢᠨ ᠮᠧᠲᠷ | ᠨᠡᠮᠡᠭᠳᠡᠭᠦᠯᠵᠤ᠂ ᠡᠳᠦᠷ ᠲᠤ 1 ᠲᠦᠮᠡᠨ ᠲᠤᠨ ᠤ ᠪᠤᠵᠠᠷ ᠤᠰᠦ ᠶᠢ ᠰᠶᠢᠳᠪᠤᠷᠢᠯᠡᠬᠦ ᠴᠢᠳᠡᠯ ᠪᠦᠭᠦᠢ ᠦᠢᠯᠡᠳᠪᠤᠷᠢ | ᠪᠤᠯᠤᠨ ᠡᠳᠥᠷ ᠲᠤ 50 ᠲᠤᠨ ᠤ ᠠᠮᠢᠳᠦᠷᠡᠯ ᠤᠨ ᠬᠤᠭ ᠨᠤᠪᠰᠢ ᠶᠢ ᠬᠤᠤᠷᠳᠠᠭᠤᠯᠤᠯ ᠦᠭᠡᠢ ᠰᠶᠢᠳᠪᠤᠷᠢᠯᠡᠬᠦ | ᠴᠢᠳᠡᠯ ᠪᠦᠭᠦᠢ ᠲᠠᠯᠠᠪᠤᠷ ᠢ ᠪᠠᠶᠢᠭᠤᠯᠵᠣ᠂ ᠲᠦᠪᠯᠡᠷᠡᠭᠦᠯᠦᠨ ᠲᠤᠯᠠᠭᠠᠯᠠᠭ᠎ᠠ ᠬᠠᠩᠭᠠᠬᠤ ᠲᠦᠭᠦᠭᠡᠷᠦᠮᠵᠢ ᠶᠢ ᠶᠡᠭᠡᠪᠡᠷ | ᠬᠠᠯᠠᠡ ᠰᠡᠶᠢᠵᠢᠷᠠᠭᠤᠯᠵᠦ᠂ ᠲᠤᠯᠠᠭᠠᠯᠠᠭ᠎ᠠ ᠬᠠᠩᠭᠠᠬᠤ ᠶᠡᠷᠤᠩᠬᠡᠢ ᠲᠠᠯᠠᠪᠠᠢ ᠶᠢ 96.5 ᠲᠦᠮᠡᠨ ᠳᠡᠭᠰᠢ ᠲᠦᠷᠪᠡᠯᠵᠢᠨ | ᠮᠧᠲᠷ ᠲᠤ ᠬᠦᠷᠭᠡᠨ᠂ ᠲᠤᠯᠠᠭᠠᠯᠠᠭ᠎ᠠ ᠶᠢᠨ ᠪᠠᠷᠢᠮᠵᠢᠶ᠎ᠡ ᠳᠤ ᠬᠦᠷᠦᠭᠰᠡᠨ ᠨᠤᠷᠮ᠎ᠡ 99% ᠳᠤ ᠬᠦᠷᠪᠠ᠃ ᠮᠢᠩᠭᠠᠳᠦ | ᠪᠠᠯᠭᠠᠰᠦᠨ ᠤ ᠤᠰᠤ ᠲᠠᠳᠠᠬᠤ ᠵᠢᠴᠢ ᠤᠰᠦᠨ ᠤ ᠦᠢᠯᠡᠳᠪᠤᠷᠢ ᠪᠠᠶᠢᠭᠤᠯᠬᠤ ᠢᠨᠵᠧᠨᠧᠷᠢᠩ ᠢ ᠡᠬᠢᠯᠡᠭᠦᠯᠵᠡᠢ᠃ | ᠬᠤᠳᠡ ᠪᠠᠯᠭᠠᠰᠦᠨ ᠤ ᠤᠷᠳᠦ ᠬᠤᠭᠤᠴᠠᠭᠠᠨ ᠤ ᠦᠷ᠎ᠡ ᠪᠦᠳᠦᠮᠵᠢᠳᠦ ᠬᠠᠮᠢᠶᠠᠷᠤᠯᠳᠠ ᠶᠢᠨ ᠲᠤᠭᠲᠠᠴᠠ ᠶᠢ | ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ ᠨᠠᠷᠢᠯᠢᠭ ᠬᠠᠮᠢᠶᠠᠷᠥᠯᠳᠠ ᠶᠢᠨ ᠬᠢᠷᠢ ᠲᠦᠪᠰᠢᠨ ᠳᠡᠭᠡᠭᠰᠢᠯᠡᠭᠦᠯᠵᠡᠢ᠃ | — — ᠦᠩᠭᠡᠷᠡᠭᠰᠡᠨ ᠳᠠᠪᠤᠨ ᠵᠢᠯ ᠪᠤᠯ ᠠᠮᠢ ᠠᠬᠤᠢ ᠶᠢᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ | ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠶᠢᠨ ᠤᠷᠴᠢᠨ ᠳᠤᠭᠤᠷᠢᠨ ᠮᠡᠳᠡᠭᠳᠡᠮ᠎ᠠ ᠰᠠᠶᠢᠵᠢᠷᠠᠭᠰᠠᠨ ᠳᠠᠪᠤᠨ ᠵᠢᠯ | ᠪᠤᠯᠤᠨ᠎ᠠ᠃ ᠨᠠᠶᠢᠳᠠ 3.9 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠤᠯᠳᠠ ᠬᠢᠵᠦ᠂ 843 ᠲᠦᠮᠡᠨ ᠮᠦ | ᠭᠠᠵᠠᠷ ᠲᠤ ᠳᠠᠯ᠎ᠠ ᠨᠤᠳᠤᠭ ᠤᠨ ᠠᠮᠢ ᠠᠬᠤᠢ ᠶᠢᠨ ᠱᠠᠩᠨᠠᠨ ᠨᠦᠬᠦᠪᠦᠷᠢᠯᠡᠬᠦ ᠳᠦᠷᠢᠮ ᠢ ᠭᠡᠷᠡᠭᠵᠢᠭᠦᠯᠵᠠᠢ᠃ 1.14 | ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠤᠯᠳᠠ ᠬᠢᠵᠦ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ | ᠵᠠᠰᠠᠬᠤ ᠢᠨᠵᠧᠨᠧᠷᠢᠩ ᠤᠨ 91.4 ᠲᠦᠮᠡᠨ ᠮᠤ᠋ ᠭᠠᠵᠠᠷ᠂ 7.61 ᠲᠦᠮᠡᠨ ᠮᠤ᠋ ᠶᠢᠨ ᠤᠷᠤᠰᠬᠠᠯ ᠤᠨ ᠰᠠᠪᠠ | ᠭᠠᠵᠠᠷ ᠤᠨ ᠠᠮᠢ ᠠᠬᠤᠢ ᠶᠢ ᠰᠡᠶᠢᠵᠢᠷᠠᠭᠤᠯᠵᠡᠢ᠃ 155.73 ᠲᠦᠮᠡᠨ ᠮᠤ᠋ ᠭᠠᠵᠠᠷ ᠲᠤ ᠤᠢ ᠰᠢᠭᠤᠢ ᠶᠢᠨ | ᠨᠦᠬᠦᠪᠤᠷᠢ ᠶᠢᠨ ᠲᠦᠷᠢᠮ ᠢ ᠨᠠᠶᠢᠳᠠᠪᠥᠷᠢᠵᠢᠭᠤᠯᠵᠠᠢ᠃ ᠨᠡᠶᠢᠳᠡ ᠶᠢᠨ ᠦᠮᠴᠢᠯᠡᠯᠳᠦ ᠤᠢ ᠰᠢᠭᠤᠢ ᠶᠢᠨ ᠦᠮᠴᠢᠯᠡᠬᠦ | ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠨᠠᠶᠢᠳᠠᠪᠤᠷᠵᠢᠭᠤᠯᠤᠭᠰᠠᠨ ᠭᠠᠵᠠᠷ ᠤᠷᠤᠨ ᠤ ᠭᠡᠪᠴᠢᠶ᠎ᠡ ᠨᠢ 451.2 | ᠲᠦᠮᠡᠨ ᠮᠤ᠋ ᠳᠤ ᠬᠦᠷᠴᠤ᠂ 4.25 ᠲᠦᠮᠡᠨ ᠮᠤ᠋ ᠭᠠᠵᠠᠷ ᠲᠤ ᠲᠠᠷᠢᠶᠠᠯᠠᠬᠤ ᠶᠢ ᠵᠤᠭᠰᠤᠭᠠᠵᠦ ᠦᠢᠵᠢᠭᠤᠯᠤᠨ | ᠬᠦᠷᠦᠰᠦᠵᠢᠭᠦᠯᠬᠦ ᠠᠵᠢᠯ ᠢ ᠪᠡᠶᠡᠯᠡᠭᠦᠯᠵᠠᠢ᠃ ︽ᠠᠷᠪᠡᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠳᠤ | ᠲᠤᠭᠳᠠᠭᠠᠭᠰᠠᠨ ᠡᠨᠧᠷᠬᠢ ᠶᠢ ᠠᠷᠪᠢᠯᠡᠵᠦ ᠪᠤᠬᠢᠷᠳᠦᠯ ᠢ ᠪᠠᠭᠠᠰᠬᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠂ | ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠤᠷᠤᠯᠭ᠎ᠠ ᠶᠢᠨ ᠲᠦᠮᠡᠨ ᠲᠦᠭᠦᠷᠢᠭ ᠲᠤ | ᠵᠠᠷᠤᠴᠠᠭᠤᠯᠬᠤ ᠡᠨᠧᠷᠬᠢ ᠶᠢᠨ ᠬᠤᠷᠤᠭᠳᠠᠯ ᠨᠢ 1.0015 ᠲᠤᠨ ᠪᠠᠷᠢᠮᠵᠢᠶ᠎ᠡ ᠨᠡᠭᠦᠷᠡᠰᠦ ᠪᠤᠯᠭᠠᠵᠤ᠂ 19.37% | ᠪᠠᠷ ᠪᠠᠭᠤᠷᠠᠨ᠂ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠲᠤ ᠵᠠᠷᠤᠴᠠᠭᠤᠯᠬᠤ ᠤᠰᠦᠨ ᠤ ᠬᠡᠮᠵᠢᠶ᠎ᠡ ᠪᠤᠯᠤᠨ | ᠭᠤᠤᠯ ᠪᠤᠯᠬᠤ ᠪᠤᠬᠢᠷᠳᠦᠯ ᠪᠤᠳᠡᠰ ᠢ ᠢᠯᠭᠠᠷᠠᠭᠤᠯᠬᠤ ᠬᠡᠮᠵᠢᠶ᠎ᠡ ᠵᠡᠷᠭᠡ ᠵᠢᠭᠠᠯᠳᠠ ᠲᠤᠭ᠎ᠠ ᠨᠢ ᠪᠦᠷ ᠬᠢᠵᠠᠭᠠᠷᠯᠠᠬᠤ | ᠬᠠᠷᠠᠯᠳᠠ ᠶᠢ ᠪᠡᠶᠡᠯᠡᠭᠦᠯᠵᠦ᠂ ᠡᠬᠢ ᠪᠠᠶᠡᠯᠢᠭ᠋ ᠢ ᠠᠷᠪᠢᠯᠠᠬᠤ ᠬᠡᠯᠪᠡᠷᠢᠳᠠᠢ᠂ ᠤᠷᠴᠢᠨ ᠳᠤᠭᠤᠷᠢᠨ ᠨᠦᠭᠦᠷᠰᠡᠭ ᠬᠡᠯᠪᠡᠷᠢ | ᠪᠦᠬᠦᠢ ᠨᠡᠶᠢᠭᠡᠮ ᠲᠡᠰᠢ ᠴᠢᠬᠤᠯᠨ ᠨᠢᠭᠡ ᠠᠯᠬᠤᠮ ᠢ ᠠᠯᠬᠤᠪᠠ᠃ | — — ᠦᠩᠭᠡᠷᠡᠭᠰᠡᠨ ᠲᠠᠪᠤᠨ ᠵᠢᠯ ᠪᠤᠯ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ᠂ | ᠬᠠᠤᠯᠢ ᠪᠠᠷ ᠡᠭᠦᠷᠭᠡ ᠲᠤᠰᠢᠶᠠᠯ ᠢᠶᠠᠨ ᠭᠦᠢᠴᠡᠳᠭᠡᠭᠦ ᠴᠢᠳᠠᠪᠥᠷᠢ ᠢᠯᠡᠳᠳᠠ ᠳᠡᠭᠡᠭᠰᠢᠯᠡᠭᠰᠡᠨ ᠳᠠᠪᠤᠨ ᠵᠢᠯ ᠪᠤᠯᠤᠨ᠎ᠠ᠃ | ᠬᠠᠤᠯᠢ ᠶᠤᠰᠤᠭᠠᠷ ᠵᠠᠰᠠᠭ ᠶᠠᠪᠥᠭᠤᠯᠬᠤ ᠶᠢ ᠢᠮᠠᠭᠳᠠ ᠪᠠᠷᠢᠮᠳᠠᠯᠠᠵᠤ᠂ ᠵᠠᠰᠠᠭ ᠤᠨ ᠡᠷᠬᠡ ᠳᠤ ᠬᠢᠨᠠᠯᠳᠠ ᠲᠠᠯᠪᠢᠬᠤ | ᠪᠤᠯᠤᠨ ᠬᠢᠵᠠᠭᠠᠷᠯᠠᠬᠤ ᠪᠠᠨ ᠴᠢᠩᠭᠠᠳᠬᠠᠵᠤ᠂ ᠬᠠᠤᠯᠢ ᠶᠤᠰᠤᠭᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠪᠤᠯᠤᠨ ᠲᠡᠭᠦᠨ ᠤ ᠪᠠᠶᠢᠩᠭᠤ ᠶᠢᠨ ᠬᠤᠷᠢᠶᠠᠨ ᠳᠤ ᠬᠠᠷᠢᠭᠤ ᠮᠡᠳᠡᠭᠦᠯᠬᠦ ᠶᠢ ᠪᠠᠷᠢᠮᠳᠠᠯᠠᠵᠦ᠂ ᠢᠳᠡᠪᠬᠢᠳᠡᠢ | ᠰᠠᠨᠠᠭᠠᠴᠢᠯᠠᠭ᠎ᠠ ᠲᠠᠢ ᠪᠠᠷ ᠤᠯᠤᠰ ᠲᠦᠷᠦ ᠶᠢᠨ ᠵᠦᠪᠯᠡᠯᠭᠡᠨ ᠲᠠᠢ ᠬᠠᠷᠢᠯᠴᠠᠨ᠂ ᠨᠡᠶᠢᠭᠡᠮ ᠤᠨ ᠡᠯ᠎ᠡ ᠡᠳᠡᠭᠡᠳ ᠤᠨ | ᠬᠢᠨᠠᠯᠳᠠ ᠶᠢ ᠦᠷᠭᠡᠨ ᠲᠠᠯᠭᠡᠷ ᠬᠦᠯᠢᠶᠡᠭᠰᠡᠨ ᠶᠤᠮ᠃ ᠠᠷᠠᠳ ᠤᠨ ᠲᠦᠯᠦᠭᠡᠯᠡᠭᠴᠢᠳ ᠤᠨ ᠲᠤᠷᠠᠳᠤᠭᠰᠠᠨ ᠰᠠᠨᠠᠯ | ᠵᠦᠪᠯᠡᠯᠭᠡ ᠶᠢ 457 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ | 229 ᠬᠤᠪᠢ ᠬᠦᠯᠢᠶᠡᠨ ᠠᠪᠴᠦ᠂ ᠰᠶᠢᠳᠪᠤᠷᠢᠯᠡᠭᠰᠡᠨ ᠨᠤᠷᠮ᠎ᠡ 100% ᠳᠤ ᠬᠦᠷᠴᠡᠢ᠃ ᠨᠡᠶᠢᠭᠡᠮ ᠤᠨ ᠡᠯ᠎ᠡ | ᠡᠳᠡᠭᠡᠳ ᠤᠨ ᠰᠠᠨᠠᠯ ᠢ ᠨᠠᠷᠢᠨ ᠬᠢᠨᠠᠮᠠᠭᠠᠢ ᠰᠤᠨᠤᠰᠴᠦ᠂ ᠰᠶᠢᠳᠪᠤᠷᠢᠳᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ | ᠴᠢᠨᠠᠷ᠂ ᠠᠷᠠᠳᠴᠢᠯᠡᠯᠳᠦ ᠴᠢᠨᠠᠷ ᠤᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠪᠡ᠃ ᠵᠠᠰᠠᠭ ᠢ | ᠴᠤᠮᠠᠭᠳᠬᠠᠵᠤ ᠡᠷᠬᠡ ᠶᠢ ᠲᠠᠯᠪᠢᠬᠤ ᠶᠢ ᠪᠦᠬᠦ ᠲᠠᠯ᠎ᠡ ᠪᠠᠷ ᠠᠬᠢᠭᠤᠯᠵᠤ᠂ ᠵᠠᠰᠠᠭ ᠤᠨ ᠤᠷᠳᠤᠨ ᠤ ᠪᠠᠶᠢᠭᠤᠯᠤᠮᠵᠢ | ᠶᠢᠨ ᠦᠭᠡᠷᠡᠴᠢᠯᠡᠯᠳᠠ ᠶᠢᠨ ᠠᠵᠢᠯ ᠢ ᠤᠷᠤᠭᠰᠢᠳᠠᠢ ᠪᠡᠶᠡᠯᠡᠭᠦᠯᠵᠤ᠂ ᠵᠠᠰᠠᠭ ᠤᠨ ᠤᠷᠳᠤᠨ ᠤ ᠪᠠᠶᠢᠭᠤᠯᠤᠮᠵᠢ ᠶᠢ 24 | ᠪᠤᠯᠭᠠᠨ ᠳᠤᠬᠢᠷᠠᠭᠤᠯᠤᠯᠳᠠ ᠬᠢᠵᠠᠢ᠃ ᠵᠠᠰᠠᠭ ᠤᠨ ᠠᠵᠢᠯ ᠤᠨ ᠦᠢᠯᠡᠴᠢᠯᠡᠯᠭᠡ ᠨᠢ ᠲᠦᠪᠯᠡᠷᠡᠨ ᠠᠯᠪᠡᠯᠡᠬᠤ ᠪᠤᠯᠤᠨ | ᠨᠢᠭᠡ ᠦᠷᠳᠡᠭᠡᠳᠤ ᠦᠢᠯᠡᠴᠢᠯᠡᠯᠭᠡ ᠶᠢ ᠪᠡᠶᠡᠯᠡᠭᠦᠯᠵᠤ᠂ ᠠᠷᠠᠳ ᠲᠤ ᠦᠢᠯᠡᠴᠢᠯᠡᠬᠦ ᠴᠢᠳᠠᠪᠥᠷᠢ ᠲᠠᠰᠤᠷᠠᠯᠳᠠ ᠦᠭᠡᠢ | ᠳᠡᠭᠡᠭᠰᠢᠯᠡᠭᠰᠡᠨ ᠪᠠᠶᠢᠨ᠎ᠠ᠃ ᠨᠠᠮ ᠤᠨ ᠤᠯᠡᠨ ᠲᠦᠮᠡᠨᠴᠢ ᠱᠤᠭᠤᠮ ᠤᠨ ᠬᠦᠮᠦᠵᠢᠯ ᠦᠢᠯᠡᠳᠥᠯᠭᠡ ᠶᠢᠨ ᠠᠵᠢᠯᠯᠠᠭ᠎ᠠ | ᠪᠤᠯᠤᠨ ︽ᠭᠤᠷᠪᠡᠨ ᠴᠢᠩᠭ᠎ᠠ ᠭᠤᠷᠪᠡᠨ ᠪᠤᠳᠡᠳᠡᠢ︾ ᠶᠢᠨ ᠲᠤᠰᠬᠠᠢ ᠰᠡᠳᠦᠪᠳᠦ ᠬᠦᠮᠦᠵᠢᠯ ᠤᠨ ᠠᠵᠢᠯᠯᠠᠭ᠎ᠠ ᠶᠢ | ᠬᠦᠨᠵᠡᠭᠡᠢ ᠦᠷᠨᠢᠭᠦᠯᠦᠨ᠂ ᠲᠦᠪ ᠤᠨ ︽ᠨᠠᠢᠮᠠᠨ ᠲᠤᠭᠳᠠᠭᠠᠯ︾ ᠪᠤᠯᠤᠨ ᠪᠤᠰᠤᠳ ᠬᠠᠮᠢᠶ᠎ᠠ ᠪᠦᠭᠦᠢ ᠲᠤᠭᠳᠠᠭᠠᠯ | ᠤᠳ ᠢ ᠦᠷ᠎ᠡ ᠪᠦᠳᠦᠮᠵᠢᠳᠡᠢ ᠨᠠᠶᠢᠳᠠᠪᠥᠷᠢᠵᠢᠭᠤᠯᠵᠠᠢ᠃ ᠨᠡᠮ ᠤᠨ ᠰᠤᠷᠳᠡᠯ ᠴᠢᠭᠡᠴᠢ ᠵᠠᠰᠠᠭ ᠤᠨ ᠪᠠᠶᠢᠭᠤᠯᠤᠯᠳᠠ | ᠶᠢᠨ ᠬᠠᠷᠢᠭᠤᠴᠠᠯᠭ᠎ᠠ ᠶᠢᠨ ᠲᠦᠷᠢᠮ ᠪᠤᠯᠤᠨ ᠰᠡᠷᠬᠡᠶᠢᠯᠡᠬᠦ ᠵᠠᠯᠬᠠᠭᠠᠬᠤ ᠰᠢᠰᠲ᠋ᠧᠮ ᠤᠨ ᠪᠠᠶᠢᠭᠤᠯᠤᠯᠳᠠ ᠶᠢ ᠪᠦᠬᠦ | ᠲᠠᠯ᠎ᠠ ᠪᠠᠷ ᠨᠡᠶᠢᠳᠠᠪᠤᠷᠢᠵᠢᠭᠤᠯᠤᠨ᠂ ᠨᠡᠮ ᠤᠨ ᠭᠡᠰᠢᠭᠦᠨ ᠺᠠᠳ᠋ᠷ ᠤᠨ ᠠᠷᠢᠭᠤᠨ ᠴᠢᠭᠡᠴᠢ ᠤᠬᠠᠮᠰᠠᠷ ᠪᠤᠯᠤᠨ ᠢᠯᠵᠡᠷᠡᠨ | ᠲᠤᠷᠦᠶᠢᠳᠠᠬᠤ ᠠᠴᠠ ᠰᠡᠷᠬᠡᠶᠢᠯᠡᠬᠦ ᠴᠢᠳᠠᠪᠤᠷᠢ ᠲᠠᠰᠤᠷᠠᠯᠳᠡ ᠦᠭᠡᠢ ᠲᠡᠭᠡᠭᠰᠢᠯᠡᠭᠰᠡᠨ ᠪᠡᠶᠢᠨ᠎ᠡ᠃ | ᠲᠦᠯᠦᠭᠡᠯᠡᠭᠴᠢᠳ ᠡ᠂ ᠦᠩᠭᠡᠷᠡᠨ ᠤᠳᠤᠭᠰᠠᠨ 2015 ᠤᠨ ᠳᠤ ᠪᠢᠳᠡ ᠠᠵᠤ ᠠᠬᠤᠢ ᠶᠢᠨ ᠬᠦᠭᠵᠢᠯᠳᠡ | ᠶᠢᠨ ᠰᠢᠨ᠎ᠡ ᠬᠡᠪ ᠪᠡᠶᠢᠳᠡᠯ ᠲᠠᠢ ᠢᠳᠡᠪᠬᠢᠳᠡᠢ ᠪᠠᠷ ᠵᠤᠬᠢᠴᠠᠵᠦ᠂ ︽ᠬᠤᠶᠠᠷ ᠢ ᠠᠳᠬᠤᠬᠤ ᠭᠤᠷᠪᠠ ᠶᠢ | ᠳᠡᠭᠡᠭᠰᠢᠯᠡᠭᠦᠯᠬᠦ ᠲᠦᠷᠪᠡ ᠶᠢ ᠬᠦᠭᠵᠢᠭᠦᠯᠬᠦ︾ ᠶᠠᠷᠤᠩᠬᠡᠢ ᠱᠠᠭᠠᠷᠳᠠᠯᠭ᠎ᠠ ᠶᠢ ᠲᠤᠪᠦᠶᠢᠯᠭᠠᠵᠦ᠂ ᠬᠤᠰᠢᠭᠤᠨ ᠤ ᠠᠷᠪᠡᠨ | ᠲᠦᠷᠪᠡᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠲᠡᠭᠡᠷ᠎ᠡ ᠲᠤᠭᠳᠠᠭᠠᠭᠰᠠᠨ ᠡᠯ᠎ᠡ ᠵᠦᠢᠯ ᠤᠨ ᠬᠠᠷᠠᠯᠳᠡ ᠡᠭᠦᠷᠭᠡ ᠪᠠᠨ ᠪᠦᠬᠦ ᠲᠠᠯ᠎ᠠ ᠪᠠᠷ | ᠪᠡᠶᠡᠯᠡᠭᠦᠯᠦᠭᠰᠡᠨ ᠪᠡᠶᠢᠨ᠎ᠡ᠃ ᠠᠵᠤ ᠠᠬᠤᠢ ᠶᠢᠨ ᠭᠤᠤᠯ ᠪᠤᠯᠬᠤ ᠭᠦᠢᠴᠡᠳᠭᠡᠬᠦ ᠳᠤᠭᠠᠨ ᠤ ᠬᠤᠷᠳᠤᠴᠠ | ᠳᠦᠷᠭᠡᠳᠴᠤ ︽ᠭᠤᠷᠪᠡ ᠶᠢ ᠦᠨᠳᠦᠷ ᠪᠠᠶᠢᠯᠭᠠᠵᠦ ᠲᠦᠷᠪᠡ ᠶᠢ ᠠᠳᠠᠯᠢᠬᠠᠨ ᠪᠠᠶᠢᠯᠭᠠᠬᠤ︾ ᠶᠢ ᠪᠡᠶᠡᠯᠡᠭᠦᠯᠦᠭᠰᠡᠨ | ᠪᠦᠭᠡᠳ ᠲᠤᠭᠳᠠᠭᠰᠠᠨ ᠬᠠᠷᠠᠯᠳᠡ ᠪᠠᠨ ᠴᠤ ᠪᠡᠶᠡᠯᠡᠭᠦᠯᠵᠡᠢ᠃ ᠪᠦᠬᠦ ᠵᠢᠯ ᠳᠤ ᠤᠷᠤᠨ ᠨᠤᠳᠤᠭ ᠤᠨ ᠦᠢᠯᠡᠳᠪᠤᠷᠢᠯᠡᠯ | ᠤᠨ ᠶᠡᠷᠤᠩᠬᠡᠢ ᠦᠷᠳᠡᠭ 8.4% ᠪᠠᠷ ᠨᠡᠮᠡᠭᠳᠡᠪᠡ᠃ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ | 4.9 ᠳ᠋ᠦᠩᠰᠢᠭᠤᠷ ᠲᠦᠭᠦᠷᠢᠭ ᠲᠤ ᠬᠦᠷᠴᠤ᠂ 4.7% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ | ᠨᠡᠮᠡᠭᠳᠡᠯ ᠦᠷᠳᠡᠭ 15.6 ᠳ᠋ᠦᠩᠰᠢᠭᠤᠷ ᠲᠦᠭᠦᠷᠢᠭ ᠲᠤ ᠬᠦᠷᠴᠤ᠂ 10.8% ᠪᠠᠷ ᠨᠡᠮᠡᠭᠳᠡᠵᠡᠢ᠃ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ ᠦᠷᠳᠡᠭ 10.6 ᠳ᠋ᠦᠩᠰᠢᠭᠤᠷ ᠲᠦᠭᠦᠷᠢᠭ ᠲᠤ ᠬᠦᠷᠴᠦ᠂ 6.0% ᠪᠠᠷ | ᠨᠡᠮᠡᠭᠳᠡᠭᠰᠡᠨ ᠪᠠᠶᠢᠨ᠎ᠡ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 1.23 | ᠳ᠋ᠦᠩᠰᠢᠭᠤᠷ ᠲᠦᠭᠦᠷᠢᠭ ᠪᠠᠶᠠᠯᠡᠭᠦᠯᠵᠤ᠂ 7.2% ᠢᠶᠠᠷ ᠨᠡᠮᠡᠭᠳᠡᠪᠡ᠃ ᠤᠯᠠᠨ ᠨᠠᠶᠢᠳᠡ ᠶᠢᠨ ᠡᠳ᠋ ᠤᠨ ᠵᠠᠰᠠᠭ ᠤᠨ | ᠶᠠᠷᠤᠩᠬᠡᠢ ᠵᠠᠷᠤᠯᠭ᠎ᠠ 10.6 ᠳ᠋ᠦᠩᠰᠢᠭᠤᠷ ᠲᠦᠭᠦᠷᠢᠭ ᠲᠤ ᠬᠦᠷᠴᠤ᠂ 12.2 % ᠪᠠᠷ ᠨᠡᠮᠡᠭᠳᠡᠵᠠᠢ᠃ ᠲᠤᠭᠳᠠᠮᠠᠯ | ᠬᠦᠷᠦᠩᠭᠡ ᠶᠢᠨ ᠪᠡᠯᠨ ᠤᠷᠤᠭᠤᠯᠤᠯᠳᠠ 23.4 ᠳ᠋ᠦᠩᠰᠢᠭᠤᠷ ᠲᠦᠭᠦᠷᠢᠭ ᠲᠤ ᠬᠦᠷᠴᠤ᠂ 16.6% ᠪᠠᠷ | ᠨᠡᠮᠡᠭᠳᠡᠪᠡ᠃ ᠬᠤᠳᠡ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠤᠮᠳᠠᠴᠢ ᠪᠠᠷ | ᠡᠵᠡᠮᠳᠡᠵᠤ ᠪᠤᠯᠬᠤᠶᠢᠴᠨ ᠤᠷᠤᠯᠭ᠎ᠠ ᠲᠤᠰᠪᠤᠷᠢ 9.2% ᠪᠤᠯᠤᠨ 8.5% ᠪᠠᠷ ᠨᠡᠮᠡᠭᠳᠡᠵᠡᠢ᠃ ᠪᠦᠬᠦ ᠵᠢᠯ ᠳᠤ | ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ᠂ ᠠᠵᠤ ᠦᠢᠯᠡᠳᠪᠥᠷᠢ ᠶᠢᠨ ᠨᠠᠮᠡᠭᠳᠡᠯ ᠦᠷᠳᠡᠭ᠂ | ᠪᠦᠬᠦ ᠨᠠᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ᠂ ᠪᠦᠬᠦ ᠨᠠᠶᠢᠭᠡᠮ ᠤᠨ ᠭᠡᠷᠡᠭᠯᠡᠭᠡᠨ ᠤ | ᠵᠤᠶᠢᠯᠡᠰ ᠤᠨ ᠵᠢᠵᠢᠭᠯᠡᠨ ᠬᠤᠳᠠᠯᠳᠤᠭᠰᠠᠨ ᠶᠡᠷᠥᠩᠬᠡᠢ ᠦᠷᠳᠡᠭ ᠴᠦᠮ ᠪᠦᠬᠦ ᠠᠶᠢᠮᠠᠭ ᠤᠨ ᠳᠤᠮᠳᠠᠴᠢ ᠲᠦᠪᠰᠢᠨ | ᠠᠴᠠ ᠦᠨᠳᠤᠷ ᠪᠠᠶᠢᠵᠤ᠂ ᠪᠦᠬᠦ ᠰᠠᠭᠤᠭᠠᠯᠢ ᠠᠷᠠᠳ ᠤᠨ ᠬᠦᠮᠥᠨ ᠪᠦᠷᠢ ᠲᠤᠮᠳᠠᠴᠢ ᠪᠠᠷ ᠡᠵᠡᠮᠰᠢᠵᠤ ᠪᠤᠯᠬᠤ | ᠤᠷᠤᠯᠭ᠎ᠠ ᠶᠢᠨ ᠨᠡᠮᠡᠭᠳᠡᠯ ᠪᠦᠬᠦ ᠠᠶᠢᠮᠠᠭ ᠤᠨ ᠳᠡᠷᠢᠭᠦᠨ ᠳᠤ ᠪᠠᠶᠢᠷᠢᠯᠠᠵᠠᠢ᠃ ᠤᠳᠤᠬᠠᠨ ᠤ ᠠᠵᠤ ᠠᠬᠤᠢ ᠨᠡᠶᠢᠭᠡᠮ | ᠤᠨ ᠬᠦᠭᠵᠢᠯᠳᠡ ᠶᠢ ᠦᠨᠡᠨ ᠬᠦ ᠰᠠᠶᠢᠨ ᠠᠳᠬᠤᠬᠤ ᠶᠢᠨ ᠬᠠᠮᠳᠤ᠂ ︽ᠰᠢᠯᠤᠭᠤᠨ ᠬᠦᠪᠡᠭᠡᠳᠤ ᠴᠠᠭᠠᠨ ᠬᠤᠰᠢᠭᠤᠨ | ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠠ ᠶᠢᠨ ᠠᠷᠪᠠᠨ ᠭᠤᠷᠪᠠᠳᠤᠭᠠᠷ ᠲᠠᠪᠤᠨ ᠵᠢᠯ | ᠤᠨ ᠲᠦᠯᠥᠪᠵᠢᠭᠦᠯᠭᠡ ᠶᠢᠨ ᠬᠦᠳᠤᠯᠪᠥᠷᠢ ︵ᠲᠦᠰᠥᠪ︶︾ ᠶᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠲᠠᠢ | ᠰᠤᠳᠤᠯᠤᠨ ᠨᠠᠶᠢᠷᠠᠭᠤᠯᠵᠤ᠂ ᠤᠷᠤᠨ ᠪᠠᠶᠢᠷᠢ ᠪᠠᠨ ᠤᠷᠤᠭᠰᠢ ᠳᠠᠪᠰᠢᠭᠤᠯᠬᠤ ᠪᠤᠯᠤᠨ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠵᠢᠷᠤᠭ ᠲᠦᠯᠥᠪᠯᠡᠯᠭᠡ ᠶᠢ ᠵᠢᠷᠥᠭ᠌ᠯᠠᠭᠰᠠᠨ ᠪᠠᠶᠢᠨ᠎ᠠ᠃ | ︵ᠨᠢᠭᠡ︶ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠲᠤᠪᠦᠶᠢᠮ᠎ᠡ ᠦᠷ᠎ᠡ ᠪᠦᠲᠦᠮᠵᠢ ᠤᠯᠪᠠ᠃ ᠪᠦᠬᠦ | ᠵᠢᠯ ᠳᠤ 500 ᠲᠦᠮᠡᠨ ᠲᠦᠬᠦᠷᠢᠭ ᠠᠴᠠ ᠲᠠᠭᠡᠭᠰᠢᠬᠢ ᠳᠤᠭᠲᠠᠮᠠᠯ ᠬᠦᠷᠤᠩᠭᠡ ᠶᠢᠨ ᠪᠡᠯᠡ ᠤᠷᠤᠭᠤᠯᠤᠯᠲᠠ ᠶᠢᠨ | ᠲᠦᠷᠦᠯ ᠵᠦᠢᠯ 56 ᠪᠤᠢ᠂ ᠡᠭᠦᠨ ᠳᠤ ᠠᠶᠢᠮᠠᠭ ᠤᠨ ᠱᠠᠳᠦᠨ ᠤ ᠲᠦᠷᠦᠯ ᠵᠦᠢᠯ 8 ᠪᠠᠶᠢᠨ᠎ᠠ᠃ ᠠᠷᠠᠯᠵᠢᠶᠠᠴᠢᠨ | ᠤᠷᠢᠵᠤ ᠪᠡᠯᠡ ᠳᠠᠲᠠᠬᠤ ᠠᠵᠢᠯ ᠰᠢᠨ᠎ᠡ ᠰᠢᠪᠲᠤᠯᠤᠯᠲᠠ ᠲᠠᠢ ᠪᠤᠯᠵᠤ᠂ ᠪᠦᠬᠦ ᠵᠢᠯ ᠳᠤ 15 ᠳ᠋ᠦᠩᠰᠢᠭᠤᠷ | ᠲᠦᠭᠦᠷᠢᠭ ᠢ ᠤᠷᠤᠨ ᠪᠠᠶᠢᠷᠢᠨ ᠳᠤᠨᠢ ᠭᠦᠷᠭᠡᠪᠠ᠃ ᠭᠤᠤᠯᠳᠠᠯᠭ᠎ᠠ ᠲᠠᠢ ᠲᠦᠷᠦᠯ ᠵᠦᠢᠯ ᠢ ᠲᠤᠬᠢᠷᠠᠭᠤᠯᠬᠤ᠂ | ᠵᠢᠯᠤᠭᠤᠳᠬᠤ᠂ ᠦᠢᠯᠡᠴᠢᠯᠡᠬᠦ ᠶᠢ ᠴᠢᠩᠭᠠᠳᠬᠠᠵᠤ ᠠᠯᠬᠤᠮ ᠳᠠᠷᠠᠭ᠎ᠠ ᠲᠠᠢ ᠪᠠᠷ ᠲᠦᠯᠬᠢᠨ ᠠᠬᠢᠭᠤᠯᠬᠤ ᠶᠢ ᠪᠠᠳᠤᠯᠠᠪᠠ | ᠃ ᠵᠢᠯ ᠤᠨ 5 ᠲᠦᠮᠡᠨ ᠳᠤᠨ ᠤ ᠴᠠᠭᠠᠨ ᠲᠤᠭᠤᠯᠠᠭ᠎ᠠ ᠲᠠᠢ ᠬᠠᠶᠠᠭᠳᠠᠮᠠᠯ ᠮᠠᠲ᠋ᠧᠷᠢᠶᠠᠯ ᠢ ᠪᠤᠴᠠᠭᠠᠨ ᠬᠤᠷᠢᠶᠠᠵᠦ | ᠲᠠᠬᠢᠨ ᠠᠰᠢᠭᠯᠠᠬᠤ ᠲᠦᠷᠦᠯ ᠵᠦᠢᠯ ᠢ ᠠᠰᠢᠭᠯᠠᠯᠲᠠ ᠳᠤ ᠤᠷᠤᠭᠤᠯᠪᠠ︔ ᠵᠢᠯ ᠤᠨ 6 ᠲᠦᠮᠡᠨ ᠳᠤᠨ ᠨᠢᠺᠧᠯᠲᠤ | ᠲᠡᠮᠦᠷ ᠪᠤᠯᠪᠠᠰᠤᠷᠠᠭᠤᠯᠬᠤ ᠵᠢᠴᠢ ᠲᠤᠯᠠᠭᠠᠯᠠᠬᠤ ᠬᠠᠪᠳᠠᠰᠦ ᠦᠢᠯᠡᠳᠪᠦᠷᠢᠯᠡᠬᠦ ᠲᠦᠷᠦᠯ ᠵᠦᠢᠯ ᠨᠢ ᠦᠢᠯᠡᠳᠪᠦᠷᠢᠯᠡᠬᠦ | ᠨᠦᠬᠦᠴᠡᠯ ᠢ ᠪᠦᠷᠢᠯᠳᠦᠭᠦᠯᠵᠡᠢ︔ ᠰᠢᠨᠵᠢᠶᠠᠩ ᠤᠨ ᠲᠧ ᠪᠢᠶᠠᠨ ᠳ᠋ᠢᠶᠠᠨ ᠭᠥᠩ ᠲᠤᠨᠤᠭ ᠲᠦᠬᠦᠭᠡᠷᠦᠮᠵᠢ | ᠦᠢᠯᠡᠳᠪᠦᠷᠢᠯᠡᠬᠦ᠂ ᠵᠢᠶᠠᠨ ᠠᠨ ᠴᠧᠩ ᠰᠠᠯᠬᠢᠨ ᠭᠦᠴᠦᠨ ᠤ ᠴᠠᠬᠢᠯᠭᠠᠨ ᠮᠠᠰᠢᠨ ᠤ ᠲᠦᠭᠦᠭᠡᠷᠦᠮᠵᠢ ᠦᠢᠯᠡᠳᠪᠦᠷᠢᠯᠡᠬᠦ | ᠂ ᠵᠢᠩ ᠨᠧᠩ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯᠡᠰ ᠤᠳ ᠠᠵᠢᠯ ᠢᠶᠠᠨ ᠡᠬᠢᠯᠡᠭᠦᠯᠵᠡᠢ︔ ᠱᠧᠩ | ᠶᠤᠸᠠᠨ ᠰᠡᠯᠬᠢᠨ ᠬᠦᠴᠦᠨ ᠤ ᠦᠨᠠᠨᠪᠠᠳᠦ ᠶᠢᠨ 4.95 ᠲᠦᠮᠡᠨ ᠺᠢᠯᠤᠸᠠᠲ ᠶᠢᠨ ᠰᠠᠯᠬᠢᠨ ᠭᠦᠴᠦᠨ ᠤ ᠴᠠᠬᠢᠯᠭᠠᠨ | ᠤ ᠲᠦᠷᠦᠯ ᠵᠦᠢᠯ᠂ ᠴᠢᠶᠠᠨ ᠶᠢᠨ ᠳ᠋ᠠ ᠦᠩᠭᠡᠳᠦ ᠲᠡᠮᠦᠷᠯᠢᠭ ᠤᠨ ᠠᠭᠤᠷᠬᠠᠢ ᠶᠢ ᠬᠠᠶᠢᠨ ᠰᠢᠨᠵᠢᠬᠦ ᠲᠦᠷᠦᠯ ᠵᠦᠢᠯ | ᠢ ᠯᠠᠪᠳᠠᠭᠤᠨ ᠢᠶᠠᠷ ᠠᠬᠢᠭᠤᠯᠪᠠ᠃ ᠶᠢᠨ ᠹᠧᠩ ᠰᠢᠨᠵᠢᠯᠡᠭᠡ ᠮᠡᠷᠭᠡᠵᠢᠯ ᠤᠨ ᠰᠠᠯᠬᠢᠨ ᠭᠦᠴᠦᠨ ᠤ ᠮᠠᠰᠢᠨ᠂ ᠵᠦᠩ | ᠱᠦᠢ ᠳ᠋ᠢᠶᠠᠨ ᠵᠢᠶᠠᠨ ᠰᠠᠯᠬᠢᠨ ᠬᠦᠴᠦᠨ ᠤ ᠲᠦᠬᠦᠭᠡᠷᠥᠮᠵᠢ᠂ ᠶᠢᠨ ᠬᠠᠢ ᠹᠡ ᠯᠠᠨ ᠲᠤᠨᠤᠭᠯᠠᠯ ᠦᠢᠯᠡᠳᠪᠦᠷᠢᠯᠡᠬᠦ | ᠵᠡᠷᠭᠡ ᠲᠦᠷᠦᠯ ᠵᠦᠢᠯ ᠳᠤ ᠬᠠᠮᠲᠤᠷᠠᠨ ᠠᠵᠢᠯᠯᠠᠬᠤ ᠬᠡᠯᠡᠯᠴᠡᠭᠡᠷ ᠲᠤᠭᠲᠠᠨ᠂ ᠪᠡᠯᠡᠳᠬᠡᠯ ᠠᠵᠢᠯ ᠢ ᠠᠬᠢᠭᠤᠯᠵᠦ ᠪᠤᠢ᠃ | ᠠᠶᠢᠮᠠᠭ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠲᠠᠢ ᠬᠠᠮᠵᠢᠯᠴᠠᠨ᠂ ᠭᠡᠲᠦ ᠦᠨᠳᠦᠷ ᠬᠦᠴᠦᠳᠡᠯᠳᠦ | ᠴᠠᠬᠢᠯᠭᠠᠨ ᠲᠤᠤᠷ ᠢᠶᠠᠷ ᠴᠡᠪᠡᠷ ᠡᠨᠧᠷᠭᠢ ᠶᠢᠨ ᠴᠠᠬᠢᠯᠭᠠᠨ ᠢ ᠭᠠᠳᠠᠭᠰᠢ ᠬᠦᠷᠭᠡᠬᠦ ᠪᠠ ᠡᠷᠢᠶᠡᠨ ᠬᠤᠲᠠ ᠶᠢᠨ ᠪᠢᠴᠢᠯ | ᠴᠠᠬᠢᠯᠭᠠᠨ ᠲᠤᠤᠷ ᠤᠨ ᠲᠦᠯᠦᠪᠵᠢᠭᠦᠯᠭᠡ ᠶᠢᠨ ᠠᠵᠢᠯ ᠲᠠᠢ ᠪᠦᠳᠦᠮᠵᠢᠳᠡᠢ ᠵᠠᠯᠭᠠᠭᠤᠯᠪᠠ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠲᠤᠭᠲᠠᠭᠤᠨ ᠢᠶᠠᠷ ᠬᠦᠭᠵᠢᠪᠡ᠃ ᠵᠢᠯ ᠤᠨ ᠲᠤᠳᠤᠷ᠎ᠡ | ᠠᠰ ᠲᠠᠭᠠᠨ ᠲᠤᠭᠠᠴᠠᠭ᠎ᠠ ᠬᠢᠬᠦ ᠠᠵᠤ ᠠᠬᠤᠶᠢᠯᠠᠯ ᠪᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠲᠤᠰ | ᠲᠤᠰ ᠰᠢᠨ᠎ᠡ ᠪᠠᠷ 13 ᠪᠠ 6 ᠨᠡᠮᠡᠭᠳᠡᠵᠡᠢ᠃ ᠪᠦᠭᠦᠶᠢᠯᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 13.1 | ᠳ᠋ᠦᠩᠰᠢᠭᠤᠷ ᠲᠦᠬᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠠᠴᠠ 11.3 % ᠪᠠᠷ ᠨᠡᠮᠡᠭᠳᠡᠪᠡ᠂ ᠡᠭᠦᠨ ᠳᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠡᠯ ᠤᠨ ᠨᠡᠮᠡᠭᠳᠡᠯ ᠦᠷᠳᠡᠭ ᠢ 8.2 | ᠳ᠋ᠦᠩᠰᠢᠭᠤᠷ ᠲᠦᠬᠦᠷᠢᠭ ᠪᠡᠶᠡᠯᠡᠭᠦᠯᠵᠤ᠂ 14.6 % ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠲᠤᠭᠤᠷᠢᠭ ᠤᠨ | ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠵᠢᠯ ᠤᠨ ᠲᠤᠲᠤᠷ᠎ᠠ | 1858 ᠲᠦᠮᠡᠨ ᠲᠦᠬᠦᠷᠢᠭ ᠤᠨ ᠪᠡᠯᠨ ᠤᠷᠤᠭᠤᠯᠥᠨ᠂ ᠠᠵᠤ ᠦᠢᠯᠡᠳᠪᠦᠷᠢ ᠶᠢᠨ ᠲᠤᠭᠤᠷᠢᠭ ᠤᠨ ᠤᠰᠤ᠂ | ᠴᠠᠬᠢᠯᠭᠠᠨ᠂ ᠵᠠᠮ᠂ ᠴᠢᠮᠡᠭᠡ᠂ ᠭᠡᠷᠡᠯᠲᠦᠬᠦᠯᠭᠡ᠂ ᠨᠤᠭᠤᠭᠠᠷᠠᠭᠤᠯᠤᠯᠲᠠ ᠵᠡᠷᠭᠡ ᠶᠢᠨ ᠪᠦᠲᠦᠭᠡᠨ ᠪᠠᠶᠢᠭᠤᠯᠤᠯᠳᠠ ᠶᠢ | ᠬᠡᠷᠡᠭᠵᠢᠭᠦᠯᠵᠡᠢ᠃ ᠨᠡᠶᠢᠲᠡ ᠶᠢᠨ ᠪᠤᠰᠤ ᠪᠠ ᠲᠤᠮᠳᠠ ᠪᠠᠭ᠎ᠠ ᠵᠢᠵᠢᠭ ᠠᠵᠤ ᠠᠬᠤᠶᠢᠯᠠᠯ ᠢ ᠲᠦᠷᠭᠡᠨ ᠬᠦᠭᠵᠢᠭᠦᠯᠵᠤ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ 8 ᠡᠷᠤᠭᠡ ᠨᠢ ᠪᠦᠬᠦ ᠠᠶᠢᠮᠠᠭ ᠤᠨ ︽ᠭᠤᠷᠪᠠᠨ ᠵᠠᠭᠤᠨ ᠵᠢᠱᠢᠶ᠎ᠡ | ᠦᠵᠡᠭᠦᠯᠬᠦ ᠢᠨᠵᠧᠨᠧᠷᠢᠩ︾ ᠪᠠ ︽ᠵᠠᠭᠤ ᠮᠢᠩᠭ᠎ᠠ ᠲᠦᠮᠡ ᠶᠢ ᠪᠤᠶᠢᠵᠢᠭᠤᠯᠬᠤ ᠢᠨᠵᠧᠨᠧᠷᠢᠩ︾ ᠤᠨ ᠡᠩᠨᠡᠭᠡ ᠳᠤ | ᠤᠷᠤᠪᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠪᠠ 1% | ᠶᠢᠨ ᠬᠦᠮᠦᠨ ᠠᠮᠠ ᠶᠢ ᠰᠤᠭᠤᠴᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠠᠶᠡᠯᠡᠭᠦᠯᠵᠤ᠂ ᠲᠦᠷᠦ ᠶᠢᠨ ᠶᠠᠪᠤᠳᠠᠯ | ᠤᠨ ᠬᠤᠷᠢᠶᠠᠨ ᠤ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠤᠨ ᠨᠡᠶᠢᠲᠡᠮ ᠪᠠᠶᠢᠴᠠᠭᠠᠯᠲᠠ | ᠶᠢᠨ ᠲᠡᠷᠢᠭᠦᠨ ᠤ ᠨᠢᠭᠡᠴᠠ︾ ᠶᠢᠨ ᠢᠷᠠᠭᠤ ᠠᠯᠳᠠᠷ ᠢ ᠭᠦᠷᠲᠡᠵᠠᠢ᠃ | ︵ᠭᠤᠷᠪᠡ︶ ᠮᠠᠯ ᠠᠵᠤ ᠠᠬᠤᠢ ᠲᠠᠷᠢᠶᠠᠯᠡᠩ ᠤᠨ ᠰᠠᠭᠤᠷᠢ ᠤᠯᠡᠮ ᠨᠢᠭᠡ ᠠᠯᠬᠤᠮ ᠪᠠᠬᠢᠵᠢᠪᠠ᠃ ᠮᠠᠯ ᠠᠵᠤ | ᠠᠬᠤᠢ ᠲᠠᠷᠢᠶᠠᠯᠡᠩ ᠨᠢ ᠲᠤᠤᠷ᠎ᠡ ᠲᠤᠯᠠᠭᠠᠨ᠂ ᠭᠠᠨᠭ᠌ ᠭᠠᠴᠢᠭ ᠤᠨ ᠨᠦᠯᠦᠭᠡᠯᠡᠯ ᠢ ᠢᠯᠡᠨ ᠲᠠᠪᠠᠵᠦ᠂ ᠮᠠᠯᠵᠢᠯ ᠤᠨ | ᠤᠨ ᠤ ᠮᠠᠯ ᠤᠨ ᠲᠤᠭ᠎ᠠ 55.6 ᠲᠦᠮᠨ ᠳᠤ ᠬᠦᠷᠴᠦ᠂ ᠮᠠᠯ ᠤᠨ ᠵᠠᠷᠤᠴᠠᠭᠤᠯᠤᠯᠳᠠ 35.1 ᠲᠦᠮᠡᠨ ᠲᠤᠯᠤᠭᠠᠢ | ᠳᠤ ᠬᠦᠷᠪᠡ᠃ ᠮᠠᠯ ᠰᠦᠷᠦᠭ ᠤᠨ ᠪᠦᠳᠦᠴᠨ ᠳᠤ ᠲᠤᠬᠢᠷᠠᠭᠤᠯᠤᠯᠳᠠ ᠬᠢᠬᠦ ᠪᠠᠨ ᠶᠡᠭᠡᠰᠭᠡᠵᠦ᠂ 4.45 ᠲᠦᠮᠡᠨ | ᠦᠭᠡᠷ᠂ 17.5 ᠲᠦᠮᠡᠨ ᠬᠤᠨᠢ ᠶᠢ ᠡᠭᠦᠯᠳᠡᠷ ᠰᠡᠶᠢᠵᠢᠷᠠᠭᠤᠯᠵᠦ᠂ ᠪᠤᠳᠡ ᠪᠤᠭ ᠮᠠᠯ ᠤᠨ ᠡᠭᠦᠯᠳᠡᠷ | ᠰᠡᠶᠢᠵᠢᠷᠠᠭᠤᠯᠤᠭᠰᠠ ᠨᠤᠷᠮ᠎ᠡ 99.8% ᠳᠤ ᠬᠦᠷᠪᠡ᠃ 1.3 ᠳ᠋ᠦᠩᠰᠢᠭᠤᠷ ᠺᠢᠯᠤᠭ᠍ᠷᠠᠮ ᠡᠪᠡᠰᠦ ᠬᠠᠳᠦᠵᠦ | ᠬᠤᠷᠢᠶᠠᠨ᠂ ᠲᠠᠷᠢᠶ᠎ᠠ ᠲᠠᠷᠢᠭᠰᠠᠨ ᠲᠠᠯᠠᠪᠠᠢ 25.8 ᠲᠦᠮᠡᠨ ᠮᠤ᠋ ᠳᠤ ᠬᠦᠷᠴᠡᠢ᠃ ᠮᠠᠯ ᠠᠵᠤ ᠠᠬᠤᠢ ᠲᠠᠷᠢᠶᠠᠯᠡᠩ | ᠤᠨ ᠠᠵᠤ ᠦᠢᠯᠡᠰᠵᠢᠯᠳᠡ ᠶᠢ ᠲᠦᠷᠭᠡᠨ ᠠᠬᠢᠭᠤᠯᠵᠦ᠂ ᠮᠠᠯ ᠲᠠᠷᠢᠶᠡᠯᠡᠩ ᠲᠤ ᠬᠤᠯᠪᠤᠭᠳᠠᠭᠰᠠᠨ ᠠᠵᠤ ᠠᠬᠤᠶᠢᠯᠡᠯ | 30 ᠪᠤᠯᠤᠨ ᠬᠦᠭᠵᠢᠵᠦ᠂ 39 ᠡᠯ᠎ᠡ ᠲᠦᠷᠦᠯ ᠤᠨ ᠲᠤᠰᠬᠠᠢ ᠬᠤᠷᠰᠢᠶᠡᠵᠢᠯ ᠢ ᠰᠢᠨ᠎ᠡ ᠪᠠᠷ ᠪᠠᠶᠢᠭᠤᠯᠤᠭᠰᠠᠨ | ᠪᠠᠶᠢᠨ᠎ᠡ᠃ ᠱᠢᠮᠢᠨᠳᠠᠷ ᠦᠭᠡᠷ ᠪᠠ ᠴᠠᠬᠠᠷ ᠬᠤᠨᠢᠨ ᠤ ᠭᠤᠤᠯ ᠰᠦᠷᠦᠭ 17᠂ ᠦᠭᠡᠷ ᠬᠤᠨᠢᠨ ᠤ | ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠰᠠᠭᠤᠷᠢᠨ 5 ᠶᠢ ᠰᠢᠨ᠎ᠡ ᠪᠠᠷ ᠪᠠᠶᠢᠭᠤᠯᠪᠠ᠃ 5 ᠲᠦᠮᠡᠨ ᠬᠤᠨᠢᠨ | ᠮᠢᠬᠠᠨ ᠤ ᠪᠦᠭᠦᠶᠢᠯᠨ ᠠᠵᠤ ᠦᠢᠯᠡᠰ ᠤᠨ ᠬᠢᠯᠬᠢᠶᠡᠵᠢᠯ ᠤᠨ ᠮᠦᠷᠳᠡᠯᠳᠡ ᠶᠢᠨ ᠰᠢᠰᠲ᠋ᠧᠮ ᠢ ᠪᠠᠶᠢᠭᠤᠯᠬᠤ ᠠᠵᠢᠯ ᠢ | ᠪᠠᠶᠡᠯᠡᠭᠦᠯᠪᠡ᠃ ᠭᠠᠮᠰᠢᠭ ᠠᠴᠠ ᠵᠡᠶᠢᠯᠠᠬᠤ ᠬᠡᠯᠪᠡᠷᠢ ᠶᠢᠨ ᠮᠠᠯ ᠠᠵᠤ ᠠᠬᠤᠢ ᠲᠠᠷᠢᠶᠠᠯᠡᠩ ᠢ ᠶᠡᠭᠡᠪᠡᠷ ᠬᠦᠭᠵᠢᠭᠦᠯᠦᠨ᠂ | ᠪᠠᠷᠢᠮᠵᠢᠶᠠᠳᠦ ᠮᠠᠯ ᠤᠨ ᠫᠸᠡᠭ 6.5 ᠲᠦᠮᠡᠨ ᠲᠡᠭᠰᠢ ᠲᠦᠷᠪᠡᠯᠵᠢᠨ ᠮᠧᠲᠷ᠂ ᠡᠪᠡᠰᠦ ᠬᠠᠳᠠᠭᠠᠯᠠᠬᠤ ᠫᠸᠡᠭ 1 | ᠲᠦᠮᠡᠨ ᠲᠡᠭᠰᠢ ᠲᠦᠷᠪᠡᠯᠵᠢᠨ ᠮᠧᠲᠷ᠂ ᠨᠤᠭᠤᠭᠠᠨ ᠲᠠᠷᠤᠰᠢ ᠶᠢᠨ ᠵᠤᠭᠤᠷᠢ 1 ᠲᠦᠮᠡᠨ ᠪᠤᠰᠤᠭ᠎ᠠ ᠲᠦᠷᠪᠡᠯᠵᠢᠨ | ᠮᠧᠲᠷ ᠢ ᠲᠤᠰᠪᠦᠷᠢ ᠰᠢᠨ᠎ᠡ ᠪᠠᠷ ᠪᠠᠶᠢᠭᠤᠯᠪᠠ᠃ ᠮᠠᠯ ᠲᠠᠷᠢᠶᠡᠯᠡᠩ ᠤᠨ ᠮᠠᠰᠢᠨ ᠪᠠᠭᠠᠵᠢ ᠬᠤᠳᠠᠯᠳᠦᠨ ᠠᠪᠬᠤ | ᠨᠦᠬᠦᠪᠤᠷᠢ 394 ᠲᠦᠮᠡᠨ ᠲᠦᠭᠦᠷᠢᠭ ᠲᠤ ᠬᠦᠷᠴᠤ᠂ 110 ᠢᠵᠢ ᠰᠠᠤᠷᠢ ᠶᠢ ᠪᠡᠶᠡᠯᠡᠭᠦᠯᠵᠦ᠂ ᠮᠠᠯ ᠲᠠᠷᠢᠶᠡᠯᠡᠩ | ᠤᠨ ᠶᠠᠷᠤᠩᠬᠡᠶᠢᠯᠡᠭᠰᠡᠨ ᠮᠧᠬᠠᠨᠢᠭᠵᠢᠭᠰᠠᠨ ᠨᠤᠷᠮ᠎ᠡ ᠶᠢ 95% ᠠᠴᠠ ᠲᠡᠭᠡᠭᠰᠢ ᠬᠦᠷᠭᠡᠪᠡ᠃ ᠠᠮᠢᠳᠠᠨ ᠤ ᠬᠦᠨᠳᠦ | ᠶᠡᠭᠡ ᠬᠢᠵᠢᠭ ᠢ ᠰᠡᠷᠬᠡᠶᠢᠯᠡᠬᠦ ᠠᠵᠢᠯ ᠢ ᠨᠠᠷᠢᠨ ᠬᠢᠨᠠᠮᠠᠭᠠᠢ ᠬᠢᠵᠦ᠂ ᠠᠯᠪᠠᠳᠠᠯᠭ᠎ᠠ ᠶᠢᠨ ᠴᠢᠨᠠᠷᠳᠡᠢ ᠦᠯᠤ ᠬᠠᠯᠳᠠᠭᠠᠬᠤ | ᠲᠠᠷᠢᠯᠭ᠎ᠠ ᠶᠢᠨ ᠨᠢᠭᠳᠠᠴᠨ 100% ᠳᠤ ᠬᠦᠷᠭᠡᠪᠡ᠃ ᠰᠠᠶᠢᠨ ᠲᠠᠷᠢᠶᠠᠨ ᠦᠷ᠎ᠡ ᠶᠢᠨ ᠨᠦᠬᠦᠪᠤᠷᠢ ᠶᠢ 179.8 | ᠲᠦᠮᠡᠨ ᠲᠦᠭᠦᠷᠢᠭ ᠲᠠᠷᠬᠠᠭᠠᠪᠠ᠂ ᠭᠠᠨᠭ᠌ ᠬᠠᠭᠤᠷᠠᠢ ᠴᠡᠰᠦ ᠵᠤᠤᠨ ᠤᠨ ᠭᠠᠮᠰᠢᠭ ᠢ ᠢᠳᠡᠪᠬᠢᠳᠡᠢ ᠠᠷᠭᠠᠴᠡᠭᠠᠵᠦ᠂ | ᠨᠡᠶᠢᠳᠡ 1000 ᠲᠦᠮᠡᠨ ᠲᠦᠭᠦᠷᠢᠭ ᠤᠨ ᠭᠠᠮᠰᠢᠭ ᠢ ᠡᠰᠡᠷᠭᠦᠴᠡᠬᠦ ᠪᠡᠯᠨ ᠮᠦᠩᠭᠦ ᠪᠠᠭᠤᠯᠭᠠᠵᠦ᠂ ᠡᠪᠡᠰᠤ | ᠪᠤᠷᠳᠤᠭᠠᠨ ᠨᠦᠬᠦᠪᠦᠷᠢ ᠪᠠ ᠭᠠᠮᠰᠢᠭ ᠠᠴᠠ ᠠᠪᠤᠷᠠᠬᠤ ᠮᠠᠰᠢᠨ ᠬᠤᠳᠠᠯᠳᠤᠨ ᠠᠪᠬᠤ᠂ ᠰᠢᠲᠠᠭᠠᠯᠭ᠎ᠠ ᠶᠢᠨ ᠲᠤᠰᠤᠨ ᠤ | ᠨᠦᠬᠦᠪᠦᠷᠢ ᠳᠤ ᠬᠡᠷᠡᠭᠯᠡᠨ᠂ 500 ᠲᠦᠮᠡᠨ ᠺᠢᠯᠤᠭ᠍ᠷᠠᠮ ᠨᠦᠬᠦᠪᠤᠷᠢ ᠲᠠᠢ ᠡᠪᠡᠰᠦ᠂ 200 ᠲᠦᠮᠡᠨ ᠺᠢᠯᠤᠭ᠍ᠷᠠᠮ | ᠨᠦᠬᠦᠪᠤᠷᠢ ᠲᠠᠢ ᠪᠤᠷᠳᠤᠭ᠎ᠠ ᠶᠢ ᠲᠤᠰᠪᠤᠷᠢ ᠲᠠᠷᠬᠠᠭᠠᠵᠦ᠂ ᠲᠤᠰᠠᠯᠠᠮᠵᠢ ᠶᠢᠨ ᠡᠪᠡᠰᠤ 140 ᠲᠦᠮᠡᠨ ᠺᠢᠯᠤᠭ᠍ᠷᠠᠮ | ᠲᠠᠷᠬᠠᠭᠠᠨ᠂ 550 ᠲᠦᠮᠡᠨ ᠺᠢᠯᠤᠭ᠍ᠷᠠᠮ ᠡᠪᠡᠰᠤ ᠲᠦᠪᠯᠡᠷᠡᠭᠦᠯᠦᠨ ᠬᠠᠳᠠᠭᠠᠯᠠᠵᠡᠢ᠃ | ︵ᠲᠦᠷᠪᠡ︶ ᠭᠤᠷᠪᠠᠳᠤᠭᠠᠷ ᠠᠵᠤ ᠦᠢᠯᠡᠰ ᠡᠳᠦᠷ ᠢᠷᠡᠭᠦᠶ᠎ᠡ ᠦᠷᠨᠢᠭᠦᠨ ᠪᠤᠯᠪᠠ᠃ ᠵᠤᠭᠠᠴᠠᠯ᠂ ᠠᠷᠠᠯᠵᠢᠶ᠎ᠡ | ᠬᠤᠳᠠᠯᠳᠤᠭ᠎ᠠ᠂ ᠢᠳᠡᠭᠡᠨ ᠤᠮᠳᠠᠭᠠᠨ ᠵᠦᠭᠡᠭᠡᠪᠦᠷᠢ ᠵᠡᠷᠭᠡ ᠦᠢᠯᠡᠴᠢᠯᠡᠭᠡᠨ ᠤ ᠠᠵᠤ ᠦᠢᠯᠡᠰ ᠤᠨ ᠲᠡᠰ ᠲᠡᠪᠰᠢᠬᠦ ᠶᠢ | ᠢᠳᠡᠪᠬᠢᠳᠡᠢ ᠠᠬᠢᠭᠤᠯᠪᠠ᠃ ᠶᠢᠨ ᠱᠠ ᠬᠤ᠋ ᠨᠠᠭᠤᠷ ᠤᠨ ᠵᠤᠭᠠᠴᠡᠯ ᠤᠨ ᠤᠷᠤᠨ᠂ ᠬᠤᠨ ᠭᠠᠯᠠᠭᠤ ᠨᠤᠭᠤ ᠭᠠᠵᠠᠷ | ᠤᠨ ᠵᠤᠭᠠᠴᠠᠯ ᠤᠨ ᠤᠷᠤᠨ ᠬᠢᠭᠡᠳ ᠰᠢᠷᠭ᠎ᠠ ᠶᠢᠨ ᠨᠠᠭᠤᠷ ᠤᠨ ᠵᠤᠭᠠᠴᠠᠯ ᠤᠨ ᠤᠷᠤᠨ ᠤ ᠲᠦᠷᠦᠯ ᠵᠦᠢᠯᠡᠰ | ᠠᠰᠢᠭᠯᠠᠯᠳᠠ ᠳᠤ ᠤᠷᠤᠪᠠ᠃ ︽ᠮᠠᠯᠴᠢᠨ ᠠᠶᠢᠯ ᠤᠨ ᠵᠤᠭᠠᠴᠠᠯ︾ 4 ᠨᠡᠮᠡᠭᠳᠡᠵᠦ᠂ ᠨᠡᠶᠢᠳᠡ 14 ᠪᠤᠯᠪᠠ᠃ | ᠡᠯᠧᠺᠲᠷᠤᠨ ᠬᠤᠳᠠᠯᠳᠤᠭᠠᠨ ᠤ ᠶᠠᠪᠤᠳᠡᠯ ᠠᠩᠬ᠎ᠠ ᠠᠯᠬᠤᠮ ᠦᠷ᠎ᠡ ᠪᠦᠳᠦᠮᠵᠢ ᠤᠯᠪᠠ᠃ ᠮᠸᠡᠭ ᠱᠸᠡᠭ ᠮᠢᠬᠠᠨ ᠤ | ᠠᠵᠤ ᠦᠢᠯᠡᠰ ᠪᠤᠯᠤᠨ ᠰᠢᠩ ᠺᠠᠢ ᠮᠢᠬᠠᠨ ᠤ ᠠᠵᠤ ᠦᠢᠯᠡᠰ ᠨᠢ ᠪᠠᠷᠤᠭ 300 ᠲᠦᠮᠡᠨ ᠲᠦᠬᠦᠷᠢᠭ ᠤᠨ | ᠰᠦᠯᠵᠢᠶᠠᠨ ᠪᠤᠷᠤᠯᠠᠭᠤᠯᠭ᠎ᠠ ᠶᠢ ᠪᠡᠶᠡᠯᠡᠭᠦᠯᠵᠡᠢ᠃ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠦᠷᠦᠯ ᠤᠨ | ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠤᠷᠢ ᠨᠢ ᠲᠤᠰ ᠲᠤᠰ 10.7 ᠪᠠ 20.5% ᠪᠠᠷ ᠨᠡᠮᠡᠭᠳᠡᠵᠡᠢ᠃ | ᠲᠠᠭᠠᠳᠬᠠᠯ ᠤᠨ ᠲᠤᠬᠠᠶᠢᠯᠠᠭᠰᠠᠨ ᠠᠵᠢᠯ ᠤᠨ ᠤᠷᠤᠯᠭ᠎ᠠ ᠶᠢ 2722 ᠲᠦᠮᠡᠨ ᠲᠦᠭᠦᠷᠢᠭ ᠪᠡᠶᠡᠯᠡᠭᠦᠯᠵᠦ᠂ 4.6% | ᠪᠠᠷ ᠨᠡᠮᠡᠭᠳᠡᠵᠡᠢ᠃ ᠵᠢᠯ ᠤᠨ ᠨᠡᠶᠢᠭᠡᠮ ᠤᠨ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠠᠷᠤᠩᠬᠡᠢ ᠦᠷᠳᠡᠭ 7.7 | ᠳ᠋ᠦᠩᠰᠢᠭᠤᠷ ᠲᠦᠭᠦᠷᠢᠭ ᠲᠤ ᠬᠦᠷᠴᠦ᠂ 7.1% ᠪᠠᠷ ᠨᠡᠮᠡᠭᠳᠡᠪᠡ᠃ ᠠᠶᠠᠨᠴᠢᠨ ᠪᠠ ᠪᠠᠷᠠᠭᠠᠨ ᠤ ᠵᠦᠭᠡᠭᠡᠪᠦᠷᠢ᠂ | ᠰᠢᠤᠳᠡᠨ ᠴᠢᠮᠡᠭᠡ ᠬᠤᠯᠪᠤᠭᠠᠨ ᠤ ᠦᠢᠯᠡᠰ ᠵᠡᠷᠭᠡ ᠠᠵᠢᠯ ᠦᠢᠯᠡᠰ ᠲᠤᠭᠲᠠᠭᠤᠨ ᠢᠶᠠᠷ ᠬᠦᠭᠵᠢᠪᠡ᠃ | ︵ᠲᠠᠪᠤ︶ ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠡᠶᠢᠵᠢᠷᠠᠪᠠ᠃ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠬᠠᠤᠯᠢ ᠲᠦᠷᠢᠮ ᠪᠠ ᠡᠨᠧᠷᠬᠢ ᠠᠷᠪᠢᠯᠠᠵᠦ ᠪᠤᠬᠢᠷᠳᠦᠯ ᠢ ᠪᠠᠭᠠᠰᠬᠠᠬᠤ ᠴᠢᠭᠯᠡᠯᠳᠡ᠂ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ᠤᠷᠴᠢᠨ ᠲᠤᠭᠤᠷᠢᠨ ᠢ ᠶᠠᠷᠤᠩᠬᠡᠶᠢᠯᠡᠨ ᠵᠠᠰᠠᠬᠤ ᠪᠠ ᠤᠷᠴᠢᠨ | ᠲᠤᠭᠤᠷᠢᠨ ᠤ ᠬᠠᠤᠯᠢ ᠬᠡᠷᠡᠭᠵᠢᠭᠦᠯᠬᠦ ᠬᠦᠴᠦᠯᠡᠴᠨ ᠪᠠᠨ ᠨᠡᠮᠡᠭᠳᠡᠭᠦᠯᠵᠦ᠂ ᠤᠯᠤᠰ ᠤᠨ ᠰᠢᠶᠡᠨ ᠤ ᠤᠷᠤᠨ ᠲᠤᠭᠤᠷᠢᠭ | ᠤᠨ ᠠᠮᠢ ᠠᠬᠤᠢ ᠶᠢᠨ ᠴᠢᠳᠠᠮᠵᠢ ᠶᠢᠨ ᠤᠷᠤᠨ ᠤ ᠬᠢᠨᠠᠨ ᠰᠢᠯᠭᠠᠯᠳᠠ ᠪᠤᠯᠤᠨ ᠶᠡᠷᠤᠩᠬᠡᠢ ᠬᠡᠮᠵᠢᠶᠡᠨ ᠤ ᠪᠤᠬᠢᠷᠳᠦᠯ ᠢ | ᠭᠠᠳᠠᠭᠰᠢᠯᠠᠭᠤᠯᠬᠤ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠪᠠ᠃ ᠲᠠᠯ᠎ᠠ ᠨᠤᠳᠤᠭ ᠤᠨ ᠠᠮᠢ ᠠᠬᠤᠢ ᠶᠢᠨ | ᠬᠠᠮᠠᠭᠠᠯᠠᠯᠳᠠ ᠶᠢᠨ ᠨᠦᠬᠦᠪᠤᠷᠢ ᠤᠯᠭᠤᠬᠤ ᠲᠠᠯᠠᠪᠠᠢ 843 ᠮᠤ᠋᠂ ᠨᠠᠶᠢᠳᠡ ᠶᠢᠨ ᠠᠰᠠᠷᠠᠮᠵᠢ ᠶᠢᠨ ᠨᠦᠬᠦᠪᠤᠷᠢ ᠶᠢᠨ | ᠤᠢ ᠶᠢᠨ ᠲᠠᠯᠠᠪᠠᠢ 155.7 ᠲᠦᠮᠡᠨ ᠮᠤ᠋ ᠳᠤ ᠬᠦᠷᠴᠦ᠂ ᠲᠤᠰ ᠲᠤᠰ 6804 ᠲᠦᠮᠡᠨ ᠲᠦᠭᠦᠷᠢᠭ ᠪᠠ 2273. | 1 ᠲᠦᠮᠡᠨ ᠲᠦᠭᠦᠷᠢᠭ ᠤᠨ ᠨᠦᠬᠦᠪᠤᠷᠢ ᠱᠠᠩᠨᠠᠯ ᠤᠨ ᠮᠦᠩᠬᠦ ᠶᠢ ᠲᠠᠷᠬᠠᠭᠠᠵᠠᠢ᠃ ᠪᠡᠭᠡᠵᠢᠩ ᠲᠢᠶᠠᠨᠵᠢᠨ ᠤ ᠰᠡᠯᠬᠢ | ᠡᠯᠡᠰᠦᠨ ᠤ ᠡᠬᠢ ᠶᠢ ᠵᠠᠰᠠᠭᠰᠠᠨ ᠲᠠᠯᠠᠪᠠᠢ 5.7 ᠲᠦᠮᠡᠨ ᠮᠤ᠋ ᠳᠤ ᠬᠦᠷᠴᠡᠢ︔ ᠭᠤᠤᠯᠳᠠᠯᠭ᠎ᠠ ᠲᠠᠢ ᠤᠷᠤᠨ ᠤ | ᠨᠤᠭᠤᠭᠠᠷᠠᠭᠤᠯᠤᠯᠳᠠ ᠶᠢᠨ ᠲᠠᠯᠠᠪᠠᠢ 1800 ᠮᠤ᠋ ᠳᠤ ᠬᠦᠷᠪᠡ︔ ᠲᠠᠯ᠎ᠠ ᠨᠤᠳᠤᠭ ᠤᠢ ᠰᠢᠭᠤᠢ ᠶᠢᠨ ᠬᠤᠯᠤᠭᠠᠨ᠎ᠡ | ᠬᠤᠷᠤᠬᠠᠢ ᠶᠢᠨ ᠭᠠᠮᠰᠢᠭ ᠬᠦᠨᠤᠭᠡᠯ ᠠᠴᠠ ᠰᠡᠷᠬᠡᠶᠢᠯᠡᠨ ᠵᠠᠰᠠᠬᠤ ᠬᠢᠵᠢᠭ ᠪᠠᠶᠢᠴᠠᠭᠠᠭᠰᠠᠨ ᠲᠠᠯᠠᠪᠠᠢ 86.1 ᠲᠦᠮᠡᠨ | ᠮᠤ᠋ ᠪᠠᠶᠢᠵᠦ᠂ 32 ᠭᠠᠴᠠᠭᠠᠨ ᠤ 3490 ᠡᠷᠤᠭᠡ ᠶᠢᠨ 520 ᠲᠦᠮᠡᠨ ᠮᠤ᠋ ᠨᠤᠳᠤᠭ ᠪᠡᠯᠴᠢᠭᠡᠷ ᠤᠨ ᠡᠷᠭᠡ ᠶᠢ | ᠲᠤᠳᠤᠯᠠᠨ ᠲᠤᠭᠳᠠᠭᠠᠬᠤ ᠠᠵᠢᠯ ᠢ ᠪᠡᠶᠡᠯᠡᠭᠦᠯᠵᠦ᠂ ᠭᠠᠵᠠᠷ ᠰᠢᠷᠦᠢ ᠶᠢ ᠴᠡᠭᠴᠡᠯᠡᠨ ᠵᠠᠰᠠᠬᠤ 4 ᠲᠦᠷᠦᠯ ᠵᠦᠢᠯ ᠢ | ᠬᠡᠷᠡᠭᠵᠢᠭᠦᠯᠵᠦ᠂ ᠰᠢᠨ᠎ᠡ ᠪᠠᠷ 815.7 ᠮᠤ᠋ ᠲᠠᠷᠢᠶᠠᠨ ᠭᠠᠵᠠᠷ ᠨᠡᠮᠡᠭᠳᠡᠪᠡ︔ ︽ᠭᠤᠷᠪᠠᠨ ᠲᠤᠭᠤᠷᠢᠭ ᠬᠤᠶᠠᠷ | ᠱᠤᠭᠤᠮ︾ ᠵᠢᠴᠢ 21 ᠠᠭᠤᠷᠬᠠᠢ ᠶᠢᠨ 43 ᠬᠠᠶᠠᠭᠳᠠᠮᠠᠯ ᠭᠠᠵᠠᠷ ᠢ 553 ᠮᠤ᠋ ᠵᠠᠰᠠᠵᠡᠢ᠃ ᠠᠭᠤᠷᠬᠠᠢ ᠶᠢᠨ | ᠤᠷᠴᠢᠨ ᠲᠤᠭᠤᠷᠢᠨ ᠢ 465 ᠮᠤ᠋ ᠵᠠᠰᠠᠨ ᠰᠡᠶᠢᠵᠢᠷᠠᠭᠤᠯᠵᠡᠢ᠃ ᠪᠦᠬᠦ ᠤᠯᠤᠰ ᠤᠨ ᠭᠠᠵᠠᠷ ᠰᠢᠷᠦᠢ ᠶᠢᠨ ᠡᠬᠢ | ᠪᠠᠶᠠᠯᠢᠭ ᠢ ᠠᠷᠪᠢᠯᠡᠨ ᠭᠠᠮᠨᠠᠬᠤ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠵᠦ᠂ ᠭᠠᠵᠠᠷ | ᠰᠢᠷᠦᠢ ᠶᠢᠨ ᠶᠠᠮᠤᠨ ᠤ ᠬᠢᠨᠠᠨ ᠰᠢᠯᠭᠠᠯᠳᠠ ᠶᠢ ᠦᠩᠭᠡᠷᠡᠪᠡ᠃ ᠦᠨᠳᠦᠷ ᠤᠨᠠᠯᠳᠠᠳᠦ ᠡᠪᠡᠰᠦ ᠪᠤᠷᠳᠤᠭᠠᠨ ᠰᠠᠭᠤᠷᠢᠨ | ᠤ ᠬᠠᠮᠢᠶᠠᠷᠤᠯᠳᠠ ᠪᠠᠨ ᠴᠢᠩᠭᠠᠳᠬᠠᠵᠦ᠂ ᠡᠪᠡᠰᠦ ᠪᠤᠷᠳᠤᠭ᠎ᠠ ᠲᠠᠷᠢᠬᠤ ᠠᠵᠢᠯᠯᠠᠭ᠎ᠠ ᠶᠢ ᠤᠯᠠᠮ ᠨᠢᠭᠡ ᠠᠯᠬᠤᠮ | ᠲᠦᠷᠢᠮᠵᠢᠭᠦᠯᠪᠠ᠃ ᠲᠠᠯ᠎ᠠ ᠨᠤᠳᠤᠭ ᠤᠢ ᠰᠢᠭᠤᠢ ᠶᠢᠨ ᠭᠠᠯ ᠢ ᠰᠡᠷᠬᠡᠶᠢᠯᠡᠬᠦ ᠤᠳᠤᠷᠢᠳᠤᠯᠭ᠎ᠠ ᠶᠢᠨ ᠬᠠᠷᠢᠭᠤᠴᠠᠯᠭ᠎ᠠ | ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠪᠦᠬᠦ ᠵᠢᠯ ᠳᠤ ᠤᠨᠴᠨ ᠶᠡᠭᠡ ᠲᠠᠯ᠎ᠡ ᠨᠤᠳᠤᠭ ᠤᠢ ᠰᠢᠭᠤᠢ ᠶᠢᠨ ᠭᠠᠯ | ᠤᠨ ᠠᠶᠤᠯ ᠭᠠᠷᠤᠭᠰᠠᠨ ᠦᠭᠡᠢ᠃ | ︵ᠵᠢᠷᠭᠤᠭ᠎ᠠ︶ ᠬᠦᠭᠵᠢᠯᠳᠡ ᠶᠢᠨ ᠰᠠᠭᠤᠷᠢ ᠤᠯᠠᠮ ᠪᠠᠲᠤᠵᠢᠪᠠ᠃ 8124.3 ᠲᠦᠮᠡᠨ ᠲᠦᠭᠦᠷᠢᠭ ᠤᠨ | ᠪᠡᠯᠨ ᠤᠷᠤᠭᠤᠯᠵᠦ᠂ 17 ᠭᠠᠴᠠᠭ᠎ᠠ ᠲᠤᠰᠬᠤᠨ ᠳᠤ ᠨᠡᠪᠳᠡᠷᠡᠬᠦ 140.4 ᠺᠢᠯᠤᠮᠧᠲᠷ ᠵᠠᠰᠠᠮᠠᠯ ᠵᠠᠮ ᠪᠠᠶᠢᠭᠤᠯᠬᠤ | ᠢᠨᠵᠧᠨᠧᠷᠢᠩ ᠢ ᠪᠡᠶᠡᠯᠡᠭᠦᠯᠵᠡᠢ᠃ ᠤᠯᠤᠰ ᠤᠨ ᠵᠠᠮ ᠤᠨ 510 ᠱᠤᠭᠤᠮ ᠤᠨ ᠮᠢᠩᠭᠠᠳᠦ ᠠᠴᠠ ᠬᠠᠪᠢᠷᠠᠭ᠎ᠠ ᠬᠦᠷᠬᠦ | ᠭᠡᠰᠡᠭ᠂ ᠮᠤᠵᠢ ᠶᠢᠨ ᠵᠠᠮ ᠤᠨ 222 ᠱᠤᠭᠤᠮ ᠤᠨ ᠮᠢᠩᠭᠠᠳᠦ ᠠᠴᠠ ᠤᠯᠠᠭᠠᠨᠴᠡᠪ ᠬᠦᠷᠬᠦ ᠭᠡᠰᠡᠭ᠂ ᠮᠤᠵᠢ ᠶᠢᠨ | ᠵᠠᠮ ᠤᠨ 313 ᠱᠤᠭᠤᠮ ᠤᠨ ᠮᠢᠩᠭᠠᠳᠦ ᠠᠴᠠ ᠰᠢᠨᠡᠪᠤᠯᠠᠭ ᠬᠦᠷᠬᠦ ᠭᠡᠰᠡᠭ᠂ ᠰᠢᠶᠡᠨ ᠤ ᠵᠠᠮ ᠤᠨ 518 ᠱᠤᠭᠤᠮ | ᠤᠨ ᠮᠢᠩᠭᠠᠳᠦ ᠠᠴᠠ ᠰᠢᠩ ᠶᠤᠤ ᠬᠦᠷᠬᠦ ᠵᠠᠰᠠᠮᠠᠯ ᠵᠠᠮ ᠤᠨ ᠭᠡᠰᠡᠭ ᠢ ᠵᠠᠰᠠᠨ ᠦᠭᠡᠷᠡᠴᠢᠯᠡᠬᠦ ᠢᠨᠵᠧᠨᠧᠷᠢᠩ ᠤᠨ | ᠡᠯ᠎ᠡ ᠲᠦᠷᠦᠯ ᠤᠨ ᠡᠮᠤᠨ᠎ᠡ ᠬᠤᠭᠤᠴᠠᠭᠠᠨ ᠤ ᠠᠵᠢᠯ ᠢ ᠢᠳᠡᠪᠬᠢᠳᠡᠢ ᠲᠦᠯᠬᠢᠨ ᠠᠬᠢᠭᠤᠯᠪᠠ᠃ ᠵᠢᠢ ᠲᠦᠡᠭ ᠲᠡᠮᠤᠷ | ᠵᠠᠮ ᠤᠨ ᠴᠢᠳᠠᠮᠵᠢ ᠶᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠡᠭᠦᠷᠭᠡ ᠶᠢ 90% ᠠᠴᠠ ᠳᠡᠭᠡᠭᠰᠢ | ᠪᠡᠶᠡᠯᠡᠭᠦᠯᠵᠦ᠂ ᠵᠠᠷᠢᠮ ᠭᠡᠰᠡᠭ ᠨᠢ ᠬᠤᠤᠰ ᠱᠤᠭᠤᠮ ᠢᠶᠠᠷ ᠨᠡᠪᠳᠡᠷᠡᠬᠦ ᠶᠢ ᠪᠡᠶᠡᠯᠡᠭᠦᠯᠵᠡᠢ᠃ 1204 ᠲᠦᠮᠡᠨ | ᠲᠦᠭᠦᠷᠢᠭ ᠤᠨ ᠪᠡᠯᠨ ᠤᠷᠤᠭᠤᠯᠵᠦ᠂ ᠮᠢᠩᠭᠠᠳᠦ ᠪᠠᠯᠭᠠᠰᠦᠨ ᠤ ᠵᠡᠭᠦᠨᠳᠡᠬᠢ ᠦᠶᠡᠷ ᠢ ᠰᠡᠷᠬᠡᠶᠢᠯᠡᠬᠦ ᠢᠨᠵᠧᠨᠧᠷᠢᠩ ᠢ | ᠪᠡᠶᠡᠯᠡᠭᠦᠯᠵᠦ᠂ 4.1 ᠺᠢᠯᠤᠮᠧᠲᠷ ᠭᠤᠤᠯ ᠤᠨ ᠦᠶᠡᠷ ᠢ ᠵᠠᠯᠠᠬᠤ ᠱᠤᠭᠤᠮ ᠢ ᠨᠡᠪᠳᠡᠷᠡᠭᠦᠯᠵᠦ᠂ 8 ᠺᠢᠯᠤᠮᠧᠲᠷ | ᠲᠠᠯᠡᠩ᠂ 5 ᠺᠢᠯᠤᠮᠧᠲᠷ ᠤᠨ ᠬᠦᠪᠡᠭᠡᠨ ᠤ ᠬᠠᠰᠢᠯᠭ᠎ᠠ ᠪᠠᠶᠢᠭᠤᠯᠵᠡᠢ᠃ 1.36 ᠳ᠋ᠦᠩᠰᠢᠭᠤᠷ ᠲᠦᠭᠦᠷᠢᠭ ᠤᠨ ᠪᠡᠯᠨ | ᠤᠷᠤᠭᠤᠯᠵᠦ᠂ ᠨᠡᠷᠡᠳᠦ ᠶᠢᠨ 110 ᠺᠢᠯᠤᠸᠠᠲ ᠤᠨ ᠴᠡᠬᠢᠯᠭᠠᠨ ᠬᠦᠴᠦᠳᠡᠯ ᠦᠭᠡᠷᠡᠴᠢᠯᠡᠬᠦ ᠢᠨᠵᠧᠨᠧᠷᠢᠩ ᠢ | ᠠᠰᠢᠭᠯᠠᠯᠳᠠ ᠳᠤ ᠤᠷᠤᠭᠤᠯᠤᠨ᠂ ᠮᠢᠩᠭᠠᠳᠦ ᠠᠴᠠ ᠲᠤᠱᠢ ᠬᠦᠷᠬᠦ 110 ᠺᠢᠯᠤᠸᠠᠲ ᠤᠨ ᠬᠤᠤᠰ ᠱᠤᠭᠤᠮ ᠤᠨ | ᠴᠡᠬᠢᠯᠭᠠᠨ ᠬᠦᠷᠭᠡᠬᠦ ᠢᠨᠵᠧᠨᠧᠷᠢᠩ᠂ ᠬᠠᠨ ᠬᠠᠢ ᠬᠤᠤᠰ ᠱᠤᠭᠤᠮ ᠢᠶᠠᠷ ᠴᠡᠬᠢᠯᠭᠠᠨ ᠬᠦᠷᠭᠡᠬᠦ ᠢᠨᠵᠧᠨᠧᠷᠢᠩ ᠨᠢ | ᠪᠠᠷᠢᠯᠭ᠎ᠠ ᠡᠬᠢᠯᠡᠵᠦ᠂ 35 ᠺᠢᠯᠤᠸᠠᠲ ᠤᠨ ᠴᠡᠬᠢᠯᠭᠠᠨ ᠬᠤᠪᠢᠰᠬᠠᠭᠤᠷ ᠤᠨ ᠦᠷᠳᠡᠭᠡ ᠶᠢᠨ ᠪᠠᠭᠲᠠᠭᠠᠮᠵᠢ ᠶᠢ | ᠨᠡᠮᠡᠭᠳᠡᠭᠦᠯᠦᠨ ᠪᠠᠶᠢᠭᠤᠯᠬᠤ ᠲᠦᠷᠦᠯ ᠵᠦᠢᠯ 3 ᠶᠢ ᠬᠡᠷᠡᠭᠵᠢᠭᠦᠯᠵᠡᠢ᠃ 4.07 ᠳ᠋ᠦᠩᠰᠢᠭᠤᠷ ᠲᠦᠭᠦᠷᠢᠭ ᠤᠨ ᠪᠡᠯᠨ | ᠮᠦᠩᠭᠦ ᠶᠢ ᠨᠡᠶᠢᠯᠡᠭᠦᠯᠦᠨ᠂ 62 ᠭᠠᠴᠠᠭ᠎ᠠ ᠲᠤᠰᠬᠤᠨ᠂ 220 ᠪᠠᠶᠢᠭᠠᠯᠢ ᠶᠢᠨ ᠲᠤᠰᠬᠤᠨ ︵ᠬᠤᠳᠡ︶ ᠳᠤ ︽ | ᠠᠷᠪᠡ ᠶᠢ ᠪᠦᠷᠭᠦᠭᠦᠯᠬᠦ︾ ᠢᠨᠵᠧᠨᠧᠷᠢᠩ ᠢ ᠭᠡᠷᠡᠭᠵᠢᠭᠦᠯᠵᠦ᠂ 3000 ᠡᠷᠤᠭᠡ ᠶᠢᠨ ᠨᠤᠷᠠᠬᠤ ᠠᠶᠤᠯᠳᠡᠢ ᠭᠡᠷ | ᠪᠠᠶᠢᠰᠢᠩ ᠢ ᠦᠭᠡᠷᠡᠴᠢᠯᠡᠨ ᠪᠠᠶᠢᠭᠤᠯᠵᠦ᠂ 151.7 ᠺᠢᠯᠤᠮᠧᠲᠷ ᠤᠨ ᠵᠡᠭᠡᠯᠢ ᠭᠤᠳᠦᠮᠵᠢ ᠶᠢ ᠬᠠᠳᠠᠭᠤᠷᠠᠭᠤᠯᠵᠦ᠂ | 390 ᠰᠠᠭᠤᠷᠢ ᠲᠠᠷᠬᠠᠢ ᠪᠠᠷ ᠤᠰᠤ ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠮᠠᠯᠴᠢᠨ ᠲᠠᠷᠢᠶᠠᠴᠢᠨ | ᠤ ᠰᠠᠭᠤᠬᠤ ᠭᠡᠷ ᠤᠨ ᠠᠮᠤᠷ ᠲᠥᠪᠰᠢᠨ᠂ ᠶᠠᠪᠤᠵᠤ ᠰᠠᠭᠤᠬᠤ ᠳᠤ ᠲᠦᠭᠦᠮ ᠦᠵᠡᠭᠦᠯᠦᠭᠰᠡᠨ ᠪᠦᠭᠡᠳ 7215 | ᠬᠦᠮᠦᠨ ᠪᠠ 4.89 ᠲᠦᠮᠡᠨ ᠮᠠᠯ ᠤᠨ ᠠᠮᠤᠷ ᠲᠦᠪᠰᠢᠨ ᠤᠰᠦᠨ ᠤ ᠠᠰᠠᠭᠤᠳᠡᠯ ᠢ ᠰᠡᠶᠢᠵᠢᠷᠠᠭᠤᠯᠤᠭᠰᠠᠨ ᠪᠤᠶᠤ | ᠰᠢᠢᠳᠪᠦᠷᠢᠯᠡᠵᠡᠢ᠃ ᠡᠭᠦᠨ ᠤ ᠬᠠᠮᠲᠦ ᠤᠷᠤᠨ ᠰᠠᠭᠤᠴᠠ ᠶᠢᠨ ᠤᠷᠴᠢᠨ ᠲᠤᠭᠤᠷᠢᠨ ᠢ ᠵᠠᠰᠠᠨ ᠴᠡᠭᠴᠡᠯᠡᠬᠦ ᠠᠵᠢᠯ ᠢ | ᠶᠡᠬᠡᠪᠡᠷ ᠦᠷᠨᠢᠭᠦᠯᠦᠨ᠂ ᠲᠤᠰᠬᠤᠨ ᠤ ᠲᠦᠷᠢ ᠳᠦᠷᠬᠦ ᠶᠢ ᠶᠡᠬᠡᠪᠡᠷ ᠰᠠᠶᠢᠵᠢᠷᠠᠭᠤᠯᠵᠡᠢ᠃ 1.66 ᠳ᠋ᠦᠩᠰᠢᠭᠤᠷ | ᠲᠦᠬᠦᠷᠢᠭ ᠤᠨ ᠪᠡᠯᠨ ᠤᠷᠤᠭᠤᠯᠤᠨ᠂ ᠮᠢᠩᠭᠠᠳᠦ ᠪᠠᠯᠭᠠᠰᠦᠨ ᠤ ᠤᠰᠦᠨ ᠤ ᠴᠢᠨᠠᠷ ᠢ ᠲᠡᠭᠡᠭᠰᠢᠯᠡᠭᠦᠯᠬᠦ᠂ ᠬᠠᠭᠤᠴᠢᠨ | ᠤᠷᠤᠨ ᠰᠠᠭᠤᠴᠨ ᠶᠢ ᠵᠠᠰᠠᠬᠤ᠂ ᠲᠤᠭᠠᠴᠢᠯᠠᠭᠰᠠᠨ ᠬᠠᠮᠢᠶᠠᠷᠤᠯᠳᠠ᠂ ᠵᠠᠮ ᠤᠨ ᠬᠠᠳᠠᠭᠤᠷᠠᠯᠳᠠ ᠪᠠ ᠵᠠᠮ | ᠬᠠᠷᠢᠯᠴᠠᠭᠠᠨ ᠤ ᠰᠠᠭᠠᠳ ᠦᠭᠡᠢ ᠨᠡᠪᠳᠡᠷᠡᠬᠦ᠂ ᠨᠤᠭᠤᠭᠠᠷᠠᠭᠤᠯᠤᠯᠳᠠ᠂ ᠬᠡᠷᠡᠯᠳᠦᠭᠦᠯᠭᠡ᠂ ᠪᠤᠬᠢᠷᠳᠦᠯ ᠢ ᠵᠠᠰᠠᠬᠤ ᠵᠡᠷᠭᠡ | ᠲᠤᠯᠤᠭᠠᠨ ᠲᠦᠷᠦᠯ ᠤᠨ ᠬᠤᠳᠠ ᠶᠢᠨ ᠪᠠᠶᠢᠭᠤᠯᠤᠯᠳᠠ ᠵᠢᠴᠢ ᠰᠠᠭᠤᠷᠢ ᠲᠦᠭᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠪᠡ᠃ ᠮᠢᠩᠭᠠᠳᠦ ᠪᠠᠯᠭᠠᠰᠦᠨ ᠤ | ᠲᠦᠪᠯᠡᠷᠡᠭᠦᠯᠦᠨ ᠤᠰᠤ ᠬᠠᠩᠭᠠᠬᠤ ᠦᠢᠯᠡᠳᠪᠤᠷᠢ ᠨᠢ ᠲᠤᠷᠰᠢᠨ ᠬᠡᠷᠡᠭᠯᠡᠬᠦ ᠱᠠᠳᠦᠨ ᠳᠤ ᠤᠷᠤᠵᠤ᠂ ᠤᠰᠤ ᠳᠠᠲᠠᠬᠤ | ᠢᠨᠵᠧᠨᠧᠷᠢᠩ ᠤᠨ ᠨᠢᠭᠡ ᠪᠦᠯᠦᠭ ᠬᠤᠭᠤᠯᠠᠢ ᠲᠤᠤᠷ ᠪᠠ 2 ᠤᠰᠦ ᠲᠠᠳᠠᠬᠤ ᠢᠨᠵᠧᠨᠧᠷᠢᠩ ᠤᠨ ᠤᠰᠤᠨ ᠰᠢᠬᠠᠭᠤᠷ | ᠤᠨ ᠦᠷᠳᠡᠭᠡᠨ ᠤ ᠭᠤᠤᠯ ᠴᠤᠭᠴᠨ ᠶᠢᠨ ᠢᠨᠵᠧᠨᠧᠷᠢᠩ ᠢ ᠳᠠᠭᠤᠰᠬᠠᠵᠡᠢ᠃ 520 ᠬᠤᠳᠡ ᠪᠠᠯᠭᠠᠰᠦᠨ ᠤ | ᠪᠠᠳᠤᠯᠠᠭᠠᠳᠦ ᠤᠷᠤᠨ ᠰᠠᠭᠤᠴᠨ ᠤᠨ ᠪᠠᠶᠢᠭᠤᠯᠤᠯᠳᠠ ᠶᠢᠨ ᠪᠠᠷᠢᠯᠭ᠎ᠠ ᠡᠬᠢᠯᠠᠵᠦ᠂ 364 ᠡᠷᠤᠭᠡ ᠪᠤᠷᠤ ᠭᠡᠷ | ᠲᠤᠭᠤᠷᠢᠭ ᠤᠨ ᠭᠡᠷ ᠪᠠᠶᠢᠰᠢᠩ ᠢ ᠨᠤᠷᠠᠭᠠᠨ ᠨᠡᠭᠦᠯᠭᠡᠪᠡ︔ 5 ᠲᠦᠮᠡᠨ ᠲᠩᠰᠢ ᠲᠦᠷᠪᠡᠯᠵᠢᠨ ᠮᠧᠲᠷ ᠤᠨ ᠶᠠᠪᠠᠭᠠᠨ | ᠵᠠᠮ ᠳᠤ ᠲᠤᠭᠤᠰᠬ᠎ᠠ ᠲᠠᠪᠢᠰᠴᠡᠢ︔ ᠰᠢᠨ᠎ᠡ ᠪᠠᠷ 10.6 ᠲᠦᠮᠡᠨ ᠲᠩᠰᠢ ᠲᠦᠷᠪᠡᠯᠵᠢᠨ ᠮᠧᠲᠷ ᠬᠤᠳᠡ ᠪᠠᠯᠭᠠᠰᠦᠨ | ᠤ ᠨᠤᠭᠤᠭᠠᠷᠠᠭᠤᠯᠤᠯᠳᠠ ᠶᠢ ᠪᠡᠶᠡᠯᠡᠭᠦᠯᠵᠦ᠂ ᠮᠢᠩᠭᠠᠳᠦ ᠪᠠᠯᠭᠠᠰᠦᠨ ᠠᠴᠠ ᠮᠤᠵᠢ ᠶᠢᠨ ᠵᠠᠮ ᠬᠦᠷᠬᠦ ᠭᠡᠰᠡᠭ ᠲᠤ | 219 ᠵᠠᠮ ᠤᠨ ᠳ᠋ᠸᠡᠭ ᠤᠭᠰᠠᠷᠠᠪᠠ︔ 6.5 ᠺᠢᠯᠤᠮᠧᠲᠷ ᠳᠤᠯᠠᠭᠠᠯᠠᠭ᠎ᠠ ᠶᠢᠨ ᠬᠤᠭᠤᠯᠡᠢ ᠶᠢ ᠰᠢᠨ᠎ᠡ ᠪᠠᠷ ᠲᠠᠪᠢᠰᠴᠦ | ᠂ ᠰᠢᠨ᠎ᠡ ᠪᠠᠷ 8 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠳᠤ ᠳᠤᠯᠠᠭᠠᠯᠠᠭ᠎ᠠ ᠬᠠᠩᠭᠠᠵᠦ ᠴᠢᠳᠠᠬᠤ ᠪᠤᠯᠵᠤ | ᠲᠦᠪᠯᠡᠷᠡᠭᠦᠯᠦᠨ ᠲᠤᠯᠠᠭᠠᠯᠠᠭ᠎ᠠ ᠬᠠᠩᠭᠠᠬᠤ ᠨᠤᠷᠮ᠎ᠠ 53.6% ᠳᠤ ᠬᠦᠷᠭᠡᠵᠡᠢ︔ 5 ᠰᠠᠭᠤᠷᠢ ᠤᠰᠤ ᠪᠠᠷ | ᠵᠡᠶᠢᠯᠠᠬᠤ ᠵᠤᠷᠯᠦᠩ ᠢ ᠰᠢᠨ᠎ᠡ ᠪᠠᠷ ᠪᠠᠶᠢᠭᠤᠯᠵᠡᠢ︔ ᠮᠢᠩᠭᠠᠳᠦ ᠪᠠᠯᠭᠠᠰᠦᠨ ᠤ ᠪᠤᠵᠡᠷ ᠤᠰᠦ ᠰᠶᠢᠳᠪᠦᠷᠢᠯᠡᠬᠦ | ᠦᠢᠯᠡᠳᠪᠤᠷᠢ ᠪᠠ ᠬᠤᠭ ᠨᠤᠪᠰᠢ ᠶᠢ ᠪᠤᠭᠢᠷᠳᠤᠯ ᠦᠭᠡᠢ ᠰᠢᠢᠳᠪᠦᠷᠢᠯᠡᠬᠦ ᠲᠠᠯᠠᠪᠤᠷ ᠲᠦᠷᠢᠮᠵᠢᠨ ᠠᠵᠢᠯᠯᠠᠬᠤ ᠶᠢ | ᠠᠬᠢᠭᠤᠯᠪᠠ᠃ | ︵ᠲᠤᠯᠤᠭ᠎ᠠ︶ ᠠᠷᠠᠳ ᠤᠨ ᠠᠮᠢᠳᠦᠷᠠᠯ ᠤᠨ ᠪᠠᠳᠤᠯᠠᠭ᠎ᠠ ᠤᠯᠡᠮ ᠴᠢᠩᠭᠠᠷᠠᠪᠠ᠃ ᠪᠦᠬᠦ ᠵᠢᠯ ᠳᠤ ᠠᠷᠠᠳ ᠤᠨ | ᠠᠮᠢᠳᠦᠷᠡᠯ ᠳᠤ 9.1 ᠳ᠋ᠦᠩᠰᠢᠭᠤᠷ ᠲᠦᠭᠦᠷᠢᠭ ᠤᠨ ᠵᠠᠷᠤᠯᠭ᠎ᠠ ᠤᠷᠤᠭᠤᠯᠵᠤ᠂ 11.8% ᠪᠠᠷ ᠨᠡᠮᠡᠭᠳᠡᠵᠦ᠂ | ᠤᠯᠡᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 85.9% ᠶᠢ ᠡᠵᠡᠯᠡᠪᠡ᠃ ᠠᠵᠢᠯ | ᠤᠯᠭᠤᠯᠳᠠ ᠪᠠ ᠦᠢᠯᠡᠰ ᠪᠦᠳᠦᠭᠡᠬᠦ ᠶᠢ ᠯᠠᠪᠳᠠᠭᠤᠨ ᠠᠬᠢᠭᠤᠯᠵᠦ᠂ ᠬᠤᠳᠠ ᠪᠠᠯᠭᠠᠰᠦᠨ ᠤ ᠰᠢᠨ᠎ᠡ ᠪᠠᠷ ᠠᠵᠢᠯ | ᠤᠯᠭᠤᠭᠰᠠᠨ ᠬᠦᠮᠦᠨ 1260 ᠪᠠᠶᠢᠵᠦ᠂ 2020 ᠮᠠᠯᠴᠢᠨ ᠲᠠᠷᠢᠶᠡᠴᠢᠨ ᠢ ᠰᠢᠯᠵᠢᠭᠦᠯᠦᠨ ᠠᠵᠢᠯ ᠤᠯᠭᠤᠵᠦ᠂ | ᠪᠠᠭ᠎ᠠ ᠲᠤᠭᠠᠨ ᠤ ᠵᠢᠭᠡᠯᠡᠯᠭᠡ 1837 ᠲᠦᠮᠡᠨ ᠲᠦᠭᠦᠷᠢᠭ ᠲᠠᠯᠪᠢᠵᠡᠢ︔ ᠠᠵᠢᠯ ᠦᠢᠯᠡᠰ ᠤᠨ ᠪᠠᠶᠢᠭᠤᠯᠭ᠎ᠠ ᠶᠢᠨ | ᠠᠵᠢᠯᠳᠡᠨ ᠡᠯᠰᠡᠬᠦ᠂ ᠨᠡᠶᠢᠳᠡ ᠶᠢᠨ ᠠᠰᠠᠷᠠᠮᠵᠢ ᠶᠢᠨ ᠴᠢᠨᠠᠷᠳᠡᠢ ᠠᠵᠢᠯ ᠤᠨ ᠪᠠᠶᠢᠷᠢ ᠶᠢ ᠬᠠᠩᠭᠠᠬᠤ᠂ ᠦᠨᠳᠦᠰᠦᠨ | ᠱᠠᠳᠦᠨ ᠳᠤ ᠦᠢᠯᠡᠴᠢᠯᠡᠬᠦ ᠠᠵᠢᠯ ᠤᠯᠭᠤᠯᠳᠠ ᠶᠢᠨ ᠲᠦᠯᠦᠪᠯᠡᠭᠡ ᠶᠢ ᠨᠡᠶᠢᠳᠠᠪᠤᠷᠢᠵᠢᠭᠤᠯᠬᠤ ᠵᠡᠷᠭᠡ ᠠᠷᠭ᠎ᠠ ᠵᠡᠮ ᠪᠠᠷ | 77 ᠲᠡᠭᠦᠰᠦᠭᠰᠡᠨ ᠤᠶᠤᠳᠡᠳ ᠲᠤ ᠲᠤᠭᠳᠠᠭᠤᠨ ᠢᠶᠠᠷ ᠠᠵᠢᠯ ᠤᠯᠭᠤᠪᠠ︔ ᠶᠠᠳᠠᠭᠤ ᠶᠢ ᠲᠡᠳᠭᠦᠬᠦ ᠪᠤᠭᠤᠮᠳᠠ | ᠰᠢᠪᠳᠤᠯᠬᠤ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠦ᠂ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠭᠦᠵᠦ | ᠠᠷᠠᠳ ᠢ ᠪᠠᠶᠠᠵᠢᠭᠤᠯᠬᠤ ᠵᠢᠭᠡᠯᠡᠯᠭᠡ ᠶᠢ 2.1 ᠳ᠋ᠦᠩᠰᠢᠭᠤᠷ ᠲᠦᠭᠦᠷᠢᠭ ᠲᠠᠷᠬᠠᠭᠠᠨ᠂ ᠶᠠᠳᠠᠭᠤ ᠶᠢ ᠲᠡᠳᠭᠦᠬᠦ | ᠲᠤᠰᠬᠠᠢ ᠡᠳ᠋ ᠤᠨ ᠵᠠᠰᠠᠭ ᠤᠨ ᠮᠦᠩᠭᠦ 900 ᠲᠦᠮᠡᠨ ᠲᠦᠭᠦᠷᠢᠭ ᠤᠷᠤᠭᠤᠯᠤᠨ᠂ 20 ᠭᠠᠴᠠᠭ᠎ᠠ ᠲᠤᠰᠬᠤᠨ ᠳᠤ | ︽ᠭᠤᠷᠪᠠ ᠶᠢ ᠭᠠᠴᠠᠭᠠᠨ ᠳᠤ ᠬᠦᠷᠭᠡᠬᠦ᠂ ᠭᠤᠷᠪᠠ ᠶᠢ ᠡᠷᠤᠭᠡ ᠳᠤ ᠬᠦᠷᠭᠡᠬᠦ︾ ᠶᠠᠳᠠᠭᠤ ᠶᠢ ᠤᠨᠤᠪᠴᠢᠳᠡᠢ | ᠲᠡᠳᠭᠦᠬᠦ ᠲᠦᠷᠦᠯ ᠵᠦᠢᠯ ᠢ ᠬᠡᠷᠡᠭᠵᠢᠭᠦᠯᠵᠦ᠂ 3297 ᠬᠦᠮᠦᠨ ᠢ ᠶᠠᠳᠠᠭᠤ ᠠᠴᠠ ᠠᠩᠬᠢᠵᠢᠷᠠᠭᠤᠯᠪᠠ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ᠂ ᠪᠤᠭᠤᠮᠲᠠ ᠶᠢᠨ ᠶᠠᠷᠥᠩᠭᠡᠢ ᠵᠠᠬᠢᠷᠭ᠎ᠠ᠂ ᠤᠷᠴᠢᠨ ᠲᠤᠭᠤᠷᠢᠨ ᠢ | ᠬᠠᠮᠠᠭᠠᠯᠠᠬᠤ ᠲᠢᠩᠭᠢᠮ ᠵᠢᠴᠢ ᠠᠶᠢᠮᠠᠭ ᠤᠨ ᠶᠠᠳᠠᠭᠤ ᠶᠢ ᠲᠡᠳᠬᠦᠬᠦ ᠪᠠᠶᠢᠭᠤᠯᠤᠯᠭ᠎ᠠ ᠨᠤᠭᠤᠳ ᠤᠨ ᠬᠠᠪᠰᠣᠷᠤᠨ | ᠲᠡᠳᠬᠦᠭᠰᠡᠨ ᠠᠮᠵᠢᠯᠲᠠ ᠪᠦᠲᠦᠭᠡᠯ ᠨᠢ ᠳᠤᠪᠤᠶᠢᠮ᠎ᠠ ᠪᠠᠶᠢᠨ᠎ᠠ᠃ ᠲᠤᠤᠷ᠎ᠡ ᠤᠷᠤᠯᠭ᠎ᠠ ᠲᠠᠢ ᠮᠠᠯᠴᠢᠨ ᠲᠠᠷᠢᠶᠠᠴᠢᠳ | ᠲᠤ ᠲᠤᠯᠠᠭᠠᠯᠠᠭ᠎ᠠ ᠶᠢᠨ ᠨᠡᠭᠦᠷᠡᠰᠦᠨ ᠤ ᠨᠦᠬᠦᠪᠤᠷᠢ 432.8 ᠲᠦᠮᠡᠨ ᠲᠦᠭᠦᠷᠢᠭ ᠲᠠᠷᠬᠠᠭᠠᠨ᠂ ᠭᠠᠮᠰᠢᠭᠳᠠᠭᠰᠠᠨ | ᠶᠠᠳᠠᠭᠤ ᠬᠦᠴᠢᠷᠳᠡᠯᠳᠡᠢ ᠡᠷᠤᠭᠡ ᠳᠤ ᠲᠠᠩᠰᠨ ᠡᠪᠭᠡᠮᠡᠯ ᠪᠠᠶᠢᠭᠤᠯᠵᠦ ᠬᠠᠪᠤᠷ ᠤᠨ ᠮᠠᠯ ᠠᠵᠤ ᠠᠬᠤᠢ ᠲᠠᠷᠢᠶᠠᠯᠡᠩ ᠤᠨ | ᠦᠢᠯᠡᠳᠪᠤᠷᠢᠯᠡᠯ ᠤᠨ ᠨᠦᠬᠦᠪᠤᠷᠢ 205.5 ᠲᠦᠮᠡᠨ ᠲᠦᠭᠦᠷᠢᠭ ᠲᠠᠷᠬᠠᠭᠠᠪᠠ᠃ ᠲᠤᠤᠷ᠎ᠡ ᠪᠠᠳᠤᠯᠠᠭ᠎ᠠ᠂ ᠲᠠᠪᠤᠨ | ᠪᠠᠳᠤᠯᠠᠭᠠᠳᠦ ᠡᠷᠤᠭᠡ ᠶᠢ ᠨᠢᠭᠡᠳᠦᠯᠳᠡᠢ ᠠᠰᠠᠷᠠᠵᠦ ᠬᠠᠷᠠᠭᠠᠯᠵᠡᠬᠤ ᠬᠦᠮᠦᠨ ᠪᠦᠷᠢ ᠶᠢᠨ ᠲᠤᠮᠳᠡᠴᠢ ᠨᠦᠬᠦᠪᠤᠷᠢ ᠶᠢᠨ | ᠪᠠᠷᠢᠮᠵᠢᠶ᠎ᠡ ᠶᠢ 15.0% ᠪᠠᠷ ᠨᠡᠮᠡᠭᠳᠡᠭᠦᠯᠪᠡ︔ ᠦᠨᠤᠴᠢᠨ ᠭᠡᠤᠭᠡᠳ᠂ ᠬᠤᠳᠡ ᠪᠠᠯᠭᠠᠰᠦᠨ ᠤ ︽ᠭᠤᠷᠪᠡᠨ ᠦᠭᠡᠢ | ︾ ᠬᠦᠮᠦᠰ ᠤᠨ ᠨᠦᠬᠦᠪᠤᠷᠢ ᠶᠢᠨ ᠪᠠᠷᠢᠮᠵᠢᠶ᠎ᠡ ᠶᠢ ᠰᠠᠷ᠎ᠡ ᠪᠦᠷᠢ 100 ᠲᠦᠭᠦᠷᠢᠭ ᠦᠰᠭᠡᠪᠡ᠃ ᠰᠢᠨ᠎ᠡ ᠬᠡᠯᠪᠡᠷᠢ | ᠶᠢᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠬᠦᠮᠦᠨ ᠪᠦᠷᠢ ᠶᠢᠨ ᠲᠤᠮᠳᠠᠴᠢ ᠪᠠᠷᠢᠮᠵᠢᠶ᠎ᠡ ᠶᠢ | ᠨᠠᠮᠡᠭᠳᠡᠭᠦᠯᠥᠨ 470 ᠲᠦᠭᠦᠷᠢᠭ ᠬᠦᠷᠭᠡᠵᠡᠢ︔ 1.5 ᠲᠦᠮᠡᠨ ᠡᠪᠡᠳᠴᠢᠳᠡᠨ ᠳᠤ ᠭᠤᠷᠪᠠᠨ ᠲᠦᠷᠦᠯ ᠤᠨ | ᠲᠠᠭᠠᠳᠬᠠᠯ ᠤᠨ 2961 ᠲᠦᠮᠡᠨ ᠲᠦᠭᠦᠷᠢᠭ ᠢ ᠲᠠᠩᠰᠠ ᠠᠴᠠ ᠴᠠᠶᠢᠷᠠᠭᠤᠯᠪᠡ︔ ᠦᠨᠳᠦᠷ ᠨᠠᠰᠦᠳᠡᠨ ᠤ | ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠡ ᠪᠠᠷ ᠬᠡᠷᠡᠭᠵᠢᠭᠦᠯᠵᠦ᠂ ᠬᠦᠷᠳᠡᠬᠦ ᠨᠠᠰᠦᠨ ᠤ ᠬᠢᠵᠠᠭᠠᠷ ᠢ | 78 ᠪᠦᠭᠦᠯᠢ ᠨᠠᠰᠦ ᠬᠦᠷᠳᠡᠯ᠎ᠡ ᠦᠷᠭᠡᠳᠬᠡᠵᠤ᠂ 1599 ᠬᠦᠮᠦᠨ ᠬᠦᠷᠳᠡᠵᠦ ᠪᠤᠢ︔ ᠦᠨᠳᠦᠰᠦᠨ ᠨᠠᠰᠦᠵᠢᠯ ᠤᠨ | ᠮᠦᠩᠬᠦ ᠬᠦᠷᠳᠡᠬᠦ ᠬᠦᠮᠦᠨ 8516 ᠳᠤ ᠬᠦᠷᠴᠦ 653 ᠬᠦᠴᠢᠷᠳᠡᠯᠳᠡᠢ ᠤᠯᠡᠨ ᠲᠦᠮᠡᠨ ᠳᠤ 336 ᠲᠦᠮᠡᠨ | ᠲᠦᠭᠦᠷᠢᠭ ᠤᠨ ᠡᠮ ᠡᠮᠨᠡᠯᠭᠡ ᠶᠢᠨ ᠠᠪᠤᠷᠠᠨ ᠳᠡᠳᠬᠦᠬᠦ ᠲᠤᠰᠠᠯᠠᠮᠵᠢ ᠭᠦᠷᠲᠡᠭᠡᠪᠡ᠃ | ︵ᠨᠠᠢᠮᠠ︶ ᠨᠡᠶᠢᠭᠡᠮ ᠤᠨ ᠦᠢᠯᠡᠰ ᠲᠡᠩᠴᠡᠭᠦᠷᠢᠳᠡᠢ ᠬᠦᠭᠵᠢᠪᠡ᠃ ᠰᠠᠭᠤᠷᠢ ᠰᠤᠷᠭᠠᠨ ᠬᠦᠮᠦᠵᠢᠯ ᠤᠨ ᠶᠠᠰᠤ | ᠴᠢᠨᠠᠷ ᠢ ᠲᠡᠰ ᠲᠡᠪᠰᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠰᠦᠪ ᠢ ᠪᠦᠬᠦ ᠲᠠᠯ᠎ᠡ ᠪᠠᠷ ᠭᠡᠷᠡᠭᠵᠢᠭᠦᠯᠵᠦ᠂ | ᠪᠠᠭᠰᠢ ᠨᠠᠷ ᠢ ᠱᠠᠩᠨᠠᠨ ᠬᠦᠬᠢᠭᠦᠯᠬᠦ ᠮᠦᠩᠭᠦ ᠶᠢ ᠵᠢᠯ ᠲᠠᠷᠠᠭᠠᠯᠠᠨ ᠦᠰᠭᠡᠬᠦ ᠲᠦᠷᠢᠮ ᠢ ᠪᠠᠶᠢᠭᠤᠯᠪᠠ᠃ ᠰᠤᠷᠭᠠᠭᠤᠯᠢ | ᠶᠢᠨ ᠬᠦᠷᠢᠶᠡᠨ ᠤ ᠬᠦᠯ ᠪᠦᠮᠪᠥᠭᠡᠨ ᠤ ᠦᠢᠯᠡᠰ ᠢ ᠬᠦᠴᠦᠯᠡᠨ ᠬᠦᠭᠵᠢᠭᠦᠯᠵᠤ᠂ ᠬᠡᠪ ᠴᠢᠨᠠᠷ ᠤᠨ ᠰᠤᠷᠭᠠᠨ | ᠬᠦᠮᠦᠵᠢᠯ ᠤᠨ ᠬᠦᠭᠵᠢᠯᠲᠡ ᠶᠢ ᠲᠦᠯᠬᠢᠨ ᠠᠬᠢᠭᠤᠯᠪᠠ᠃ ᠡᠯ᠎ᠡ ᠲᠦᠷᠦᠯ ᠤᠨ ᠰᠤᠷᠤᠯᠭ᠎ᠠ ᠲᠡᠳᠭᠦᠬᠦ ᠮᠦᠩᠬᠦ | 1688.3 ᠲᠦᠮᠡᠨ ᠲᠦᠭᠦᠷᠢᠭ ᠲᠠᠷᠬᠠᠭᠠᠨ᠂ 1.1 ᠲᠦᠮᠡᠨ ᠬᠦᠮᠦᠨ ᠢ ᠠᠰᠢᠭ ᠭᠦᠷᠳᠡᠭᠡᠵᠠᠢ︔ 1090 ᠨᠡᠷᠡᠰ | ᠠᠷᠠᠳ ᠤᠨ ᠪᠠᠭᠰᠢ ᠳᠤ 766 ᠲᠦᠮᠡᠨ ᠲᠦᠬᠦᠷᠢᠭ ᠤᠨ ᠨᠦᠬᠦᠪᠦᠷᠢ ᠮᠦᠩᠭᠦ ᠲᠠᠷᠬᠠᠭᠠᠨ᠂ 567 ᠶᠠᠳᠠᠭᠤ | ᠬᠦᠴᠢᠷᠳᠡᠯᠳᠡᠢ ᠶᠡᠭᠡ ᠰᠤᠷᠭᠠᠭᠤᠯᠢ ᠶᠢᠨ ᠤᠶᠤᠳᠠᠳ ᠲᠤ 342 ᠲᠦᠮᠡᠨ ᠲᠦᠭᠦᠷᠢᠭ ᠤᠨ ᠰᠤᠷᠤᠯᠭ᠎ᠠ ᠲᠡᠳᠬᠦᠬᠦ | ᠵᠢᠭᠡᠯᠡᠯᠭᠡ ᠤᠯᠭᠤᠵᠡᠢ︔ ᠶᠡᠭᠡ ᠲᠡᠭᠡᠳᠦ ᠰᠤᠷᠭᠠᠭᠤᠯᠢ ᠳᠤ ᠲᠠᠪᠰᠢᠭᠰᠠᠨ ᠨᠤᠷᠮ᠎ᠡ 41.19% ᠳᠤ ᠬᠦᠷᠴᠦ᠂ | ᠠᠳᠠᠯᠢ ᠬᠤᠭᠤᠴᠠᠭᠠᠨ ᠠᠴᠠ 1.8 ᠵᠠᠭᠤᠨ ᠤ ᠴᠡᠭ ᠲᠡᠭᠡᠭᠰᠢᠯᠡᠵᠡᠢ᠃ ᠡᠮ ᠡᠮᠨᠡᠯᠭᠡ ᠶᠢᠨ ᠰᠢᠰᠲ᠋ᠧᠮ ᠤᠨ | ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠡᠯ᠎ᠡ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮ | ᠲᠠᠩ ᠢ ᠪᠦᠬᠦᠨ ᠢ ᠦᠨ᠎ᠡ ᠶᠢᠨ ᠵᠦᠷᠢᠶ᠎ᠡ ᠦᠭᠡᠢ ᠬᠤᠳᠠᠯᠳᠤᠬᠤ ᠶᠢ ᠪᠡᠶᠡᠯᠡᠭᠦᠯᠵᠡᠢ︔ ᠡᠷᠡᠭᠦᠯ ᠬᠠᠮᠠᠭᠠᠯᠠᠯ ᠤᠨ | ᠪᠠᠴᠢᠮ ᠪᠠᠶᠢᠳᠡᠯ ᠢ ᠠᠷᠭᠠᠴᠠᠭᠠᠬᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠡᠴᠢᠮ | ᠪᠠᠶᠢᠳᠡᠯ ᠢ ᠠᠷᠭᠠᠴᠠᠭᠠᠬᠤ ᠴᠢᠳᠡᠮᠵᠢ ᠪᠠᠨ ᠪᠠᠲᠤᠳᠬᠠᠨ ᠳᠡᠭᠡᠭᠰᠢᠯᠡᠭᠦᠯᠦᠭᠰᠡᠨ ᠠᠴᠠ᠂ 2015 ᠤᠨ ᠳᠤ ᠮᠠᠨ ᠤ | ᠬᠤᠰᠢᠭᠤ ᠨᠢ ᠤᠷᠤᠨ ᠤ ᠡᠷᠡᠭᠦᠯ ᠬᠠᠮᠠᠭᠠᠯᠠᠯ ᠤᠨ ᠪᠠᠴᠢᠮ ᠪᠡᠶᠢᠳᠡᠯ ᠢ ᠠᠷᠭᠠᠴᠠᠭᠠᠬᠤ ᠶᠡᠷᠤᠩᠬᠡᠶᠢᠯᠡᠭᠰᠡᠨ ᠵᠢᠱᠢᠶᠡᠴᠢ | ᠬᠤᠰᠢᠭᠤ ᠪᠠᠷ ᠦᠨᠡᠯᠡᠭᠳᠡᠵᠡᠢ᠃ ᠪᠦᠬᠦ ᠤᠯᠤᠰ ᠤᠨ ᠤᠳᠠᠭᠠᠨ ᠴᠢᠨᠠᠷᠳᠠᠢ ᠬᠠᠯᠳᠠᠪᠤᠷᠢᠲᠦ ᠪᠤᠰᠤ ᠡᠪᠡᠳᠴᠢᠨ ᠢ | ᠶᠡᠷᠥᠩᠭᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ | ᠦᠷᠨᠢᠭᠦᠯᠪᠡ᠃ 3663 ᠮᠠᠯᠴᠢᠨ ᠲᠠᠷᠢᠶᠠᠴᠢᠳ ᠲᠤ ᠰᠦᠢᠳᠭᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠳᠠ | ᠬᠢᠵᠡᠢ︔ ︽ᠪᠠᠭ᠎ᠠ ᠡᠮ ᠤᠨ ᠬᠠᠶᠢᠷᠴᠠᠭ︾ 3000 ᠢᠵᠢ ᠲᠠᠷᠬᠠᠭᠠᠵᠡᠢ᠃ 1 ᠲᠦᠮᠨ ᠭᠠᠷᠤᠢ ᠡᠪᠡᠳᠴᠢᠲᠡᠨ ᠲᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠭᠤᠷᠢᠨ ᠦᠵᠡᠬᠦ ᠦᠢᠯᠡᠴᠢᠯᠡᠭᠡ ᠬᠢᠪᠡ᠃ ᠪᠦᠬᠦ ᠠᠶᠢᠮᠠᠭ ᠤᠨ ᠪᠦᠭᠡ ᠶᠢᠨ | ᠴᠤᠯᠨ ᠤᠯᠭᠤᠬᠤ ᠤᠷᠤᠯᠳᠤᠭᠠᠨ᠂ ᠲᠠᠪᠤᠳᠤᠭᠠᠷ ᠤᠳᠠᠭᠠᠨ ᠤ ᠪᠤᠳᠡᠰ ᠤᠨ ᠪᠤᠰᠤ ᠰᠤᠶᠤᠯ ᠤᠨ ᠦᠪ ᠤᠨ ᠪᠦᠳᠦᠭᠡᠯ | ᠤᠨ ᠲᠡᠯᠭᠡᠨ ᠦᠵᠡᠭᠦᠯᠦᠯᠭᠡ᠂ ᠴᠠᠬᠠᠷ ᠠᠷᠠᠳ ᠤᠨ ᠳᠠᠭᠤᠨ ᠤ ᠤᠷᠤᠯᠳᠤᠭᠠᠨ ᠪᠤᠯᠤᠨ ᠰᠤᠶᠤᠯ ᠲᠡᠤᠭᠡ ᠶᠢ | ᠰᠤᠳᠦᠯᠤᠨ ᠶᠠᠷᠢᠯᠴᠠᠬᠤ ᠬᠤᠷᠠᠯ ᠵᠡᠷᠭᠡ ᠰᠢᠷᠢᠰ ᠰᠤᠶᠤᠯ ᠤᠨ ᠠᠵᠢᠯᠯᠠᠭ᠎ᠠ ᠶᠢ ᠲᠠᠭᠠᠭᠠᠴᠢᠯᠡᠨ ᠡᠷᠬᠢᠯᠡᠪᠡ︔ ︽ | ᠬᠤᠰᠢᠭᠤ ᠤᠪᠤᠭᠠᠨ ᠲᠠᠬᠢᠯᠭ᠎ᠠ ᠶᠢᠨ ᠨᠠᠭᠠᠳᠦᠮ︾᠂ ᠠᠩᠬᠠᠳᠤᠭᠠᠷ ᠤᠳᠠᠭᠠᠨ ᠤ ︽ᠬᠤᠰᠢᠭᠤ ᠲᠠᠷᠤᠭ᠎ᠠ | ᠬᠤᠨᠳᠠᠭᠠᠳᠦ︾ ᠬᠦᠯ ᠪᠦᠮᠪᠦᠭᠡᠨ ᠤ ᠬᠤᠯᠪᠤᠭᠠᠳᠦ ᠤᠷᠤᠯᠳᠤᠭᠠᠨ᠂ ᠠᠭᠤᠳᠡᠮ ᠲᠠᠯᠠᠪᠡᠢ ᠶᠢᠨ ᠤᠳᠬ᠎ᠠ ᠤᠷᠠᠯᠢᠭ ᠤᠨ | ᠲᠤᠭᠯᠠᠯᠳᠠ ᠪᠤᠯᠤᠨ ᠨᠠᠰᠤᠳᠡᠶᠢᠴᠤᠳ ᠤᠨ ᠡᠭᠦᠳᠡᠨ ᠪᠦᠮᠪᠤᠭᠡᠨ ᠤ ᠤᠷᠤᠯᠳᠤᠭᠠᠨ ᠵᠡᠷᠭᠡ ᠤᠯᠡᠨ ᠲᠦᠮᠡᠨᠴᠢ ᠴᠢᠨᠠᠷᠳᠡᠢ | ᠰᠤᠶᠤᠯ ᠲᠠᠮᠢᠷ ᠤᠨ ᠬᠦᠳᠡᠯᠭᠡᠭᠡᠨ ᠢ ᠦᠷᠨᠢᠭᠦᠯᠦᠭᠰᠡᠨ ᠪᠠᠶᠢᠨ᠎ᠡ︔ ᠬᠤᠰᠢᠭᠤ ᠤᠯᠠᠭᠠᠨᠮᠦ᠋ᠴᠢᠷ ᠨᠢ ᠦᠪᠡᠷᠳᠡᠭᠡᠨ | ᠵᠠᠰᠠᠬᠤ ᠤᠷᠤᠨ ᠤ ᠨᠢᠭᠡᠳᠦᠭᠡᠷ ᠲᠦᠷᠦᠯ ᠤᠨ ᠤᠯᠠᠭᠠᠨᠮᠦ᠋ᠴᠢᠷ ᠢᠶᠠᠷ ᠦᠨᠡᠯᠡᠭᠳᠡᠵᠡᠢ᠃ ᠦᠪᠡᠷᠳᠡᠭᠡᠨ ᠵᠠᠰᠠᠬᠤ ᠤᠷᠤᠨ | ᠤ ᠰᠢᠨ᠎ᠡ ᠨᠢᠭᠡ ᠡᠭᠡᠯᠵᠢ ᠶᠢᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠳᠡ︾ ᠶᠢ ᠰᠢᠯᠭᠠᠨ ᠠᠪᠬᠤ ᠠᠵᠢᠯ ᠢ | ᠲᠡᠭᠦᠰ ᠠᠮᠵᠢᠯᠲᠠ ᠲᠠᠢ ᠪᠡᠶᠡᠯᠡᠭᠦᠯᠪᠡ᠃ ᠦᠪᠡᠷᠳᠡᠭᠡᠨ ᠵᠠᠰᠠᠬᠤ ᠤᠷᠤᠨ ᠤ ᠪᠤᠯᠪᠠᠰᠦᠨ ᠬᠤᠰᠢᠭᠤ ᠰᠢᠶᠡᠨ ᠬᠤᠳᠠ | ᠶᠢ ᠡᠭᠦᠳᠦᠨ ᠪᠠᠶᠢᠭᠤᠯᠬᠤ ᠠᠵᠢᠯ ᠤᠨ ᠡᠷᠴᠢᠮ ᠢ ᠶᠡᠭᠡᠰᠭᠡᠵᠦ᠂ ᠡᠭᠦᠳᠦᠨ ᠪᠠᠶᠢᠭᠤᠯᠬᠤ ᠰᠠᠭᠤᠷᠢ ᠤᠯᠡᠮ ᠪᠠᠬᠢᠵᠢᠪᠡ᠃ | ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠪᠡᠯᠡᠳᠭᠡᠯ ᠬᠦᠴᠦᠨ ᠤ ᠪᠠᠶᠢᠭᠤᠯᠤᠯᠳᠠ ᠶᠢ ᠲᠠᠮᠵᠢᠵᠦ᠂ ᠰᠠᠭᠤᠭ᠎ᠠ | ᠴᠡᠷᠢᠭ ᠠᠩᠬᠢ ᠶᠢᠨ ᠲᠠᠶᠢᠨ ᠤ ᠪᠡᠯᠡᠳᠭᠡᠯ ᠤᠨ ᠪᠤᠯᠪᠠᠰᠤᠷᠠᠯ ᠤᠨ ᠲᠦᠪᠰᠢᠨ ᠢ ᠤᠯᠡᠮ ᠲᠡᠭᠡᠭᠰᠢᠯᠡᠭᠦᠯᠪᠡ᠃ ᠡᠪ | ᠬᠠᠮᠳᠦ ᠵᠠᠯᠠᠭᠤᠴᠤᠳ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠳᠡᠨ᠂ ᠵᠡᠮᠳᠡᠭᠴᠤᠳ ᠤᠨ ᠬᠤᠯᠪᠤᠭ᠎ᠠ ᠵᠡᠷᠭᠡ | ᠤᠯᠡᠨ ᠲᠦᠮᠡᠨᠴᠢ ᠪᠦᠯᠭᠦᠮ ᠤᠨ ᠠᠵᠢᠯ ᠢ ᠲᠡᠮᠵᠢᠵᠦ᠂ ᠬᠠᠤᠯᠢ ᠲᠦᠷᠢᠮ᠂ ᠭᠠᠯ ᠤᠨᠲᠠᠷᠠᠭᠠᠬᠤ᠂ ᠴᠠᠭ ᠠᠭᠤᠷ᠂ | ᠭᠠᠳᠠᠭᠠᠳᠦ ᠶᠠᠪᠤᠳᠡᠯ᠂ ᠬᠠᠷᠢᠶᠠᠳᠦ ᠶᠢᠨ ᠶᠠᠪᠤᠳᠡᠯ᠂ ᠲᠠᠩᠰᠨ ᠡᠪᠭᠡᠮᠡᠯ ᠲᠡᠤᠭᠡ ᠤᠶᠢᠯᠠᠯᠭ᠎ᠠ᠂ ᠨᠠᠰᠦᠳᠡᠶᠢᠴᠦᠳ ᠤᠨ | ᠦᠢᠯᠡᠰ᠂ ᠡᠮᠡᠭᠳᠡᠶᠢᠴᠦᠳ ᠭᠡᠤᠭᠡᠳ ᠪᠠᠭᠠᠴᠤᠳ ᠤᠨ ᠠᠵᠢᠯ ᠤᠳ ᠴᠦᠮ ᠰᠢᠨ᠎ᠡ ᠠᠮᠵᠢᠯᠳᠠ ᠲᠠᠢ ᠪᠤᠯᠪᠠ᠃ | ︵ᠶᠢᠰᠦ︶ ᠨᠡᠶᠢᠭᠡᠮ ᠤᠨ ᠡᠶ᠎ᠡ ᠨᠠᠶᠢᠷᠠᠮᠳᠠᠭᠤ ᠲᠤᠭᠲᠠᠭᠤᠨ ᠪᠠᠶᠢᠬᠤ ᠶᠢ ᠪᠠᠲᠤᠯᠠᠪᠠ᠃ ᠨᠠᠮ ᠤᠨ | ᠥᠨᠳᠦᠰᠦᠲᠡᠨ ᠱᠠᠰᠢᠨ ᠰᠤᠷᠳᠠᠬᠤᠨ ᠤ ᠳᠦᠷᠦ ᠶᠢᠨ ᠪᠤᠳᠦᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠡᠯ᠎ᠡ | ᠦᠨᠳᠦᠰᠦᠲᠡᠨ ᠤ ᠤᠯᠡᠨ ᠲᠦᠮᠡᠨ ᠤ ᠬᠠᠤᠯᠢ ᠶᠤᠰᠦᠨ ᠤ ᠡᠷᠬᠡ ᠠᠰᠢᠭ ᠪᠤᠯᠤᠨ ᠱᠠᠰᠢᠨ ᠰᠢᠲᠤᠯᠭᠡ ᠶᠢᠨ ᠡᠷᠬᠡ | ᠴᠢᠯᠤᠭᠡᠲᠠᠢ ᠪᠠᠶᠢᠬᠤ ᠶᠢ ᠪᠠᠲᠤᠯᠠᠪᠠ᠃ ᠪᠦᠬᠦ ᠬᠤᠰᠢᠭᠤᠨ ᠳᠤ ᠨᠡᠶᠢᠭᠡᠮ ᠤᠨ ᠵᠦᠷᠢᠴᠡᠯ ᠵᠢᠭᠤᠷᠭᠠᠨ ᠢ ᠪᠠᠶᠢᠴᠠᠭᠠᠵᠦ | ᠡᠶᠡᠲᠡᠭᠦᠯᠭᠦ ᠠᠵᠢᠯ ᠢ 4 ᠤᠲᠠᠭ᠎ᠠ ᠵᠤᠬᠢᠶᠡᠨ ᠪᠠᠶᠢᠭᠤᠯᠥᠨ ᠦᠷᠨᠢᠭᠦᠯᠵᠦ᠂ 223 ᠵᠦᠷᠢᠴᠡᠯ ᠵᠢᠭᠤᠷᠭᠠᠨ ᠢ | ᠡᠶᠡᠳᠡᠭᠦᠯᠵᠦ᠂ 12 ᠴᠢᠬᠤᠯᠨ ᠶᠡᠭᠡ ᠲᠦᠷᠦᠯ ᠵᠦᠢᠯ ᠳᠤ ᠨᠡᠶᠢᠭᠡᠮ ᠤᠨ ᠲᠤᠭᠳᠠᠭᠤᠨ ᠤ ᠦᠨᠡᠯᠡᠯᠳᠡ ᠬᠢᠵᠦ᠂ | ᠨᠡᠶᠢᠭᠡᠮ ᠤᠨ ᠲᠤᠠᠨᠲᠠᠭᠤᠨ ᠤ ᠨᠢᠭᠤᠭᠳᠠᠮᠠᠯ ᠳᠦᠭᠰᠢᠭᠦᠷᠢ ᠶᠢ ᠤᠷᠢᠳᠴᠢᠯᠡᠨ ᠰᠡᠷᠬᠡᠶᠢᠯᠡᠭᠰᠡᠨ ᠪᠠᠶᠢᠨ᠎ᠠ᠃ ᠬᠠᠤᠯᠢ | ᠴᠠᠭᠠᠵᠠ ᠶᠢᠨ ︽ᠵᠢᠷᠭᠤᠭ᠎ᠠ ᠶᠢ ᠤᠷᠤᠭᠤᠯᠬᠤ︾ ᠠᠵᠢᠯᠯᠠᠭ᠎ᠠ ᠶᠢ ᠬᠦᠨᠵᠡᠭᠡᠢ ᠠᠬᠢᠭᠤᠯᠵᠦ᠂ ︽ᠵᠢᠷᠭᠤᠭ᠎ᠠ ᠲᠠᠪᠦ︾ | ᠶᠢᠨ ᠬᠠᠤᠯᠢ ᠶᠢ ᠲᠦᠭᠡᠮᠡᠯᠵᠢᠭᠦᠯᠬᠦ ᠠᠵᠢᠯ ᠢ ᠰᠢᠯᠭᠠᠨ ᠬᠤᠷᠢᠶᠠᠬᠤ ᠶᠢ ᠤᠷᠤᠭᠰᠢᠳᠡᠢ ᠪᠡᠶᠡᠯᠡᠭᠦᠯᠥᠭᠰᠡᠨ ᠪᠠᠶᠢᠨ᠎ᠠ᠃ | ᠪᠦᠬᠦ ᠠᠶᠢᠮᠠᠭ ᠤᠨ ᠦᠨᠳᠦᠰᠦᠨ ᠱᠠᠳᠦᠨ ᠤ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠥᠯᠲᠠ ᠶᠢᠨ ᠠᠵᠢᠯ ᠤᠨ | ᠪᠠᠶᠢᠷᠢ ᠶᠢᠨ ᠬᠤᠷᠡᠯᠲᠤᠭᠠᠨ ᠢ ᠠᠮᠵᠢᠯᠳᠠ ᠲᠠᠢ ᠪᠠᠷ ᠬᠤᠷᠠᠯᠳᠤᠭᠤᠯᠵᠡᠢ᠃ ︽1328︾ ᠵᠠᠬᠢᠳᠠᠯ ᠰᠤᠷᠪᠤᠯᠵᠢᠯᠠᠭ᠎ᠠ | ᠶᠢᠨ ᠠᠵᠢᠯ ᠤᠨ ᠡᠳᠦᠷ ᠤᠨ ᠳᠦᠷᠢᠮ ᠪᠠ ᠤᠳᠤᠷᠢᠳᠤᠯᠭ᠎ᠠ ᠬᠡᠷᠡᠭ ᠢ ᠲᠠᠭᠠᠭᠠᠴᠢᠯᠡᠵᠦ ᠨᠠᠮᠳᠠᠭᠤᠯᠬᠤ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠦ᠂ ᠪᠠᠶᠠᠷ ᠲᠤᠷᠠᠰᠬᠠᠯ ᠠᠮᠠᠷᠠᠯᠳᠠ ᠶᠢᠨ ᠬᠤᠭᠤᠴᠠᠭᠠᠨ ᠤ ᠠᠮᠤᠷ ᠳᠤᠠᠨᠲᠠᠭᠤᠨ ᠢ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠦ᠂ ᠵᠢᠯ ᠳᠤ 153 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ | ᠭᠦᠯᠢᠶᠡᠨ ᠰᠢᠢᠳᠪᠦᠷᠢᠯᠡᠵᠤ᠂ 145 ᠬᠡᠷᠡᠭ ᠢ ᠨᠢᠭᠡᠨᠳᠡ ᠰᠶᠢᠳᠪᠤᠷᠢᠯᠡᠵᠦ᠂ 8 ᠭᠡᠷᠡᠭ ᠢ ᠤᠳᠦ ᠶᠠᠭ | ᠰᠶᠢᠳᠪᠤᠷᠢᠯᠡᠵᠦ ᠪᠤᠢ᠃ ︽ᠠᠮᠤᠭᠤᠯᠠᠩ ᠰᠢᠯᠤᠭᠤᠨ ᠴᠠᠭᠠᠨ ᠬᠤᠰᠢᠭᠤ︾ ᠶᠢ ᠪᠠᠶᠢᠭᠤᠯᠬᠤ ᠢᠨᠵᠧᠨᠧᠷᠢᠩ ᠢ | ᠭᠦᠨᠵᠡᠭᠡᠢ ᠬᠡᠷᠡᠭᠵᠢᠬᠦᠯᠵᠦ᠂ ᠪᠦᠬᠦ ᠬᠤᠰᠢᠭᠤᠨ ᠤ ᠠᠮᠤᠭᠤᠯᠡᠩ ᠪᠠᠶᠢᠭᠤᠯᠤᠯᠳᠠ ᠶᠢᠨ ᠵᠠᠭᠤᠨ ᠡᠳᠦᠷ ᠤᠨ ᠳᠤᠰᠬᠠᠢ | ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠵᠡᠢ᠃ ᠨᠠᠶᠢᠭᠡᠮ ᠤᠨ ᠠᠮᠤᠷ ᠢ ᠬᠠᠮᠠᠭᠠᠯᠠᠬᠤ ᠶᠢ ᠶᠡᠷᠤᠩᠬᠡᠶᠢᠯᠡᠨ | ᠵᠠᠰᠠᠬᠤ ᠶᠢ ᠴᠢᠩᠭᠠᠳᠬᠠᠵᠦ᠂ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ᠂ ᠡᠷᠡᠬᠦᠤ ᠶᠢᠨ ᠬᠡᠷᠡᠭ᠂ ᠵᠠᠰᠠᠭ | ᠵᠠᠭᠢᠷᠭᠠᠨ ᠤ ᠬᠡᠷᠡᠭ ᠲᠤ ᠴᠢᠩᠭ᠎ᠠ ᠴᠤᠬᠢᠯᠳᠠ ᠦᠭᠭᠦᠭᠰᠡᠨ ᠠᠴᠠ ᠡᠳᠡᠭᠡᠷ ᠬᠡᠷᠡᠭ ᠤᠨ ᠶᠠᠷᠤᠩᠬᠡᠢ ᠲᠤᠭ᠎ᠠ ᠠᠴᠠ ᠲᠤᠰ | ᠪᠦᠷᠢ 3.9% ᠪᠠ 8.5% ᠪᠠᠷ ᠪᠠᠭᠤᠷᠠᠭᠰᠡᠨ ᠪᠠᠶᠢᠨ᠎ᠠ᠃ ᠠᠶᠤᠯᠭᠦᠢ ᠦᠢᠯᠡᠳᠪᠦᠷᠢᠯᠡᠯ ᠤᠨ ᠭᠤᠥᠯ ᠴᠤᠭᠴᠨ | ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ ᠠᠶᠤᠯᠭᠦᠢ ᠦᠢᠯᠡᠳᠪᠦᠷᠢᠯᠡᠯ ᠤᠨ ᠲᠤᠭᠳᠠᠭᠤᠨ ᠪᠠᠶᠢᠳᠠᠯ ᠢ | ᠪᠠᠳᠤᠯᠠᠵᠡᠢ᠃ | ︵ᠠᠷᠪᠡ︶ ᠡᠯ᠎ᠡ ᠲᠦᠷᠦᠯ ᠤᠨ ᠦᠭᠡᠷᠡᠴᠢᠯᠡᠯᠳᠡ ᠶᠢᠨ ᠬᠦᠨᠵᠡᠭᠡᠶᠢᠷᠡᠬᠦ ᠶᠢ ᠠᠬᠢᠭᠤᠯᠪᠠ᠃ ᠵᠠᠰᠠᠭ ᠤᠨ | ᠤᠷᠳᠦᠨ ᠤ ᠡᠷᠭᠡ ᠶᠢᠨ ᠨᠠᠷᠢᠨ ᠳᠡᠩᠰᠠᠳᠤ ᠲᠦᠷᠢᠮ ᠢ ᠢᠳᠡᠪᠬᠢᠳᠡᠢ ᠭᠡᠷᠡᠭᠵᠢᠭᠦᠯᠵᠦ᠂ ᠬᠠᠤᠯᠢ ᠪᠠᠷ ᠵᠠᠰᠠᠭ ᠪᠠᠷᠢᠬᠤ | ᠶᠢ ᠠᠬᠢᠭᠤᠯᠵᠦ᠂ ᠰᠠᠯᠠᠭ᠎ᠠ ᠮᠦᠴᠢᠷ ᠤᠨ ᠲᠤᠰᠢᠶᠡᠯ ᠢᠶᠠᠨ ᠬᠦᠢᠴᠡᠳᠭᠡᠬᠦ ᠶᠢ ᠴᠢᠩᠭ᠎ᠠ ᠬᠢᠨᠠᠵᠦ᠂ ᠵᠠᠰᠠᠭ ᠵᠠᠬᠢᠷᠭᠠᠨ ᠤ | ᠠᠵᠢᠯ ᠢᠶᠠᠨ ᠬᠢᠬᠦ ᠦᠭᠡᠢ᠂ ᠲᠤᠷ᠎ᠡ ᠪᠠᠷ ᠬᠢᠬᠦ ᠶᠢ ᠡᠷᠡᠰ ᠵᠠᠰᠠᠨ ᠴᠡᠭᠴᠡᠯᠡᠪᠡ᠃ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠠᠤᠯᠢ ᠪᠠᠷ ᠬᠢᠨᠠᠯᠳᠠ ᠲᠠᠯᠪᠢᠬᠤ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠡᠯ ᠢᠶᠠᠷ | ᠬᠢᠨᠠᠯᠳᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠦᠬᠦ ᠵᠢᠯ ᠳᠤ ᠠᠷᠠᠳ ᠤᠨ ᠲᠦᠯᠦᠭᠡᠯᠡᠭᠴᠢ ᠶᠢᠨ | ᠰᠠᠨᠠᠯ ᠵᠦᠪᠯᠡᠯᠭᠡ ᠶᠢ 82 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ 54 | ᠬᠤᠪᠢ ᠶᠢ ᠰᠶᠢᠳᠪᠦᠷᠢᠯᠡᠵᠦ᠂ ᠰᠶᠢᠳᠪᠤᠷᠢᠯᠡᠭᠰᠡᠨ ᠨᠤᠷᠮ᠎ᠡ 100% ᠳᠤ ᠬᠦᠷᠴᠡᠢ᠃ ᠠᠵᠤ ᠠᠬᠤᠢ ᠶᠢᠨ | ᠪᠠᠶᠢᠭᠤᠯᠤᠮᠵᠢ ᠪᠤᠯᠤᠨ ᠨᠡᠶᠢᠭᠡᠮ ᠤᠨ ᠠᠮᠢ ᠠᠬᠤᠢ ᠶᠢᠨ ᠪᠤᠯᠪᠠᠰᠦᠨ ᠤ ᠪᠠᠶᠢᠭᠤᠯᠤᠮᠵᠢ ᠶᠢᠨ ᠭᠡᠪᠴᠢᠶᠡᠨ ᠳᠠᠬᠢ 36 | ᠵᠦᠢᠯ ᠤᠨ ᠦᠭᠡᠷᠡᠴᠢᠯᠡᠯᠳᠡ ᠶᠢᠨ ᠡᠭᠦᠷᠭᠡ ᠶᠢ ᠪᠡᠶᠡᠯᠡᠭᠦᠯᠵᠦ᠂ ᠦᠭᠡᠷᠡᠴᠢᠯᠡᠯᠳᠡ ᠶᠢᠨ ᠦᠷ᠎ᠡ ᠪᠦᠳᠦᠭᠡᠯ 90 | ᠪᠠᠶᠢᠵᠦ᠂ 10 ᠦᠭᠡᠷᠡᠴᠢᠯᠡᠯᠳᠡ ᠶᠢᠨ ᠲᠤᠷᠰᠢᠯᠳᠡ ᠶᠢᠨ ᠴᠢᠭ ᠤᠨ ᠠᠵᠢᠯ ᠢ ᠡᠬᠢᠯᠡᠭᠦᠯᠵᠡᠢ᠃ ᠵᠠᠰᠠᠭ ᠢ | ᠴᠤᠮᠬᠠᠳᠬᠠᠵᠦ ᠡᠷᠭᠡ ᠶᠢ ᠲᠠᠯᠪᠢᠬᠤ ᠬᠦᠴᠦᠯᠡᠴᠨ ᠶᠢ ᠦᠷᠭᠦᠯᠵᠢᠯᠡᠨ ᠶᠡᠭᠡᠰᠭᠡᠵᠦ᠂ ᠵᠢᠯ ᠤᠨ ᠲᠤᠳᠤᠷ᠎ᠡ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠭᠦ ᠲᠦᠷᠦᠯ ᠵᠦᠢᠯ 92 ᠢ ᠬᠦᠴᠦᠨ ᠦᠭᠡᠢ ᠪᠤᠯᠭᠠᠵᠦ᠂ 7 ᠵᠦᠢᠯ ᠢ ᠨᠡᠶᠢᠯᠡᠭᠦᠯᠵᠦ | ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷ ᠲᠠᠢ ᠰᠦᠢᠳᠭᠡᠯ ᠬᠤᠷᠢᠶᠠᠬᠤ ᠲᠦᠷᠦᠯ ᠵᠦᠢᠯ 57 ᠶᠢ ᠬᠦᠴᠦᠨ | ᠦᠭᠡᠢ ᠪᠤᠯᠭᠠᠵᠡᠢ᠃ ᠵᠠᠰᠠᠭ ᠤᠨ ᠤᠷᠳᠦᠨ ᠤ ᠪᠠᠶᠢᠭᠤᠯᠤᠮᠵᠢ ᠶᠢ ᠦᠭᠡᠷᠡᠴᠢᠯᠡᠬᠦ ᠪᠤᠯᠤᠨ ᠡᠭᠦᠷᠭᠡ ᠴᠢᠳᠠᠪᠬᠢ ᠶᠢ | ᠬᠤᠪᠢᠷᠠᠭᠤᠯᠬᠤ ᠶᠢ ᠬᠦᠨᠵᠡᠬᠡᠶᠢᠷᠡᠭᠦᠯᠵᠦ᠂ ᠤᠰᠦᠨ ᠠᠰᠢᠭᠯᠠᠯᠳᠠ᠂ ᠢᠳᠡᠭᠡᠨ ᠪᠠ ᠡᠮ ᠤᠨ ᠵᠦᠢᠯᠡᠰ ᠦᠢᠯᠡᠳᠪᠤᠷᠢ | ᠬᠤᠳᠠᠯᠳᠤᠭ᠎ᠠ ᠶᠠᠰᠦ ᠴᠢᠨᠠᠷ ᠤᠨ ᠬᠢᠨᠠᠯᠳᠠ ᠲᠠᠯᠪᠢᠬᠤ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ᠂ | ᠬᠦᠭᠵᠢᠭᠦᠯᠦᠯᠳᠡ ᠦᠭᠡᠷᠡᠴᠢᠯᠡᠯᠳᠡ᠂ ᠠᠵᠤ ᠠᠬᠤᠢ ᠰᠤᠷᠠᠭ ᠵᠠᠩᠬᠢ᠂ ᠠᠮᠢ ᠠᠬᠤᠢ ᠵᠡᠷᠭᠡ ᠵᠢᠷᠭᠤᠭᠠᠨ ᠰᠠᠯᠠᠭ᠎ᠠ | ᠮᠦᠴᠢᠷ ᠤᠨ ᠡᠭᠦᠷᠭᠡ ᠴᠢᠳᠠᠪᠬᠢ ᠶᠢ ᠲᠤᠬᠢᠷᠠᠭᠤᠯᠬᠤ ᠪᠤᠯᠤᠨ ᠨᠡᠶᠢᠯᠡᠭᠦᠯᠬᠦ ᠠᠵᠢᠯ ᠢ ᠪᠡᠶᠡᠯᠡᠭᠦᠯᠵᠦ᠂ ᠦᠯᠤ ᠬᠦᠳᠡᠯᠬᠦ | ᠬᠦᠷᠦᠩᠭᠡ ᠶᠢ ᠨᠢᠭᠡᠳᠦᠯᠳᠡᠢ ᠲᠠᠩᠰᠠᠯᠠᠬᠤ ᠠᠵᠢᠯ ᠤᠨ ᠡᠭᠦᠷᠭᠡ ᠴᠢᠳᠠᠪᠬᠢ ᠪᠤᠯᠤᠨ ᠠᠵᠢᠯᠯᠠᠬᠤ ᠪᠠᠶᠢᠭᠤᠯᠤᠮᠵᠢ ᠶᠢ | ᠨᠡᠶᠢᠯᠡᠭᠦᠯᠬᠦ ᠶᠢ ᠪᠡᠶᠡᠯᠡᠭᠦᠯᠦᠭᠰᠡᠨ ᠪᠠᠶᠢᠨ᠎ᠡ᠃ ︽ᠭᠤᠷᠪᠡᠨ ᠦᠨᠡᠮᠯᠡᠯ ᠢ ᠨᠢᠭᠡᠳᠭᠡᠨ ᠨᠢᠭᠡ ᠪᠤᠯᠭᠠᠬᠤ᠂ ᠨᠢᠭᠡ | ᠦᠨᠡᠮᠯᠡᠯ ᠳᠤ ᠨᠢᠭᠡ ᠨᠤᠮᠧᠷ ᠲᠠᠢ ᠪᠠᠶᠢᠯᠭᠠᠬᠤ︾ ᠶᠢ ᠲᠠᠩᠰᠠᠯᠠᠬᠤ ᠲᠦᠷᠢᠮ ᠢ ᠪᠦᠬᠦ ᠲᠠᠯ᠎ᠠ ᠪᠠᠷ ᠠᠬᠢᠭᠤᠯᠵᠦ᠂ ᠬᠢᠨᠠᠨ | ᠵᠦᠪᠰᠢᠶᠡᠷᠡᠬᠦ ᠠᠯᠬᠤᠮ ᠲᠠᠷᠠᠭᠠᠯᠠᠯ ᠢ ᠰᠢᠯᠢᠳᠡᠭᠵᠢᠭᠦᠯᠵᠦ᠂ ᠬᠢᠨᠠᠨ ᠵᠦᠪᠰᠢᠶᠡᠷᠡᠬᠦ ᠶᠠᠰᠦ ᠴᠢᠨᠠᠷ ᠪᠤᠯᠤᠨ ᠦᠷ᠎ᠡ ᠠᠰᠢᠭ | ᠢ ᠲᠡᠭᠡᠭᠰᠢᠯᠡᠭᠦᠯᠵᠡᠢ᠃ ᠨᠡᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠲᠦᠪ ᠴᠢᠩᠭ᠎ᠠ ᠨᠠᠶᠢᠳᠠᠪᠤᠷᠢᠵᠢᠭᠤᠯᠵᠦ᠂ | ᠴᠢᠬᠤᠯᠨ ᠬᠦᠷᠢᠶ᠎ᠡ ᠬᠡᠪᠴᠢᠶ᠎ᠡ᠂ ᠵᠠᠩᠬᠢᠯᠠᠭ᠎ᠠ ᠶᠢᠨ ᠠᠵᠢᠯ ᠤᠨ ᠪᠠᠶᠢᠷᠢᠨ ᠳᠤ ᠬᠢᠨᠠᠨ ᠪᠤᠳᠤᠵᠤ ᠬᠢᠨᠠᠨ ᠪᠠᠶᠢᠴᠠᠭᠠᠬᠤ | ᠪᠤᠯᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠠᠰᠠᠭᠤᠬᠤ ᠬᠦᠴᠦᠯᠡᠴᠨ ᠪᠠᠨ ᠶᠠᠭᠡᠰᠭᠡᠵᠦ᠂ ᠨᠠᠮ ᠤᠨ ᠰᠤᠷᠳᠡᠯ | ᠠᠷᠢᠭᠤᠨ ᠴᠢᠭᠡᠴᠢ ᠶᠢᠨ ᠪᠠᠶᠢᠭᠤᠯᠤᠯᠳᠠ ᠪᠤᠯᠤᠨ ᠢᠯᠵᠠᠷᠠᠮᠠᠯ ᠢ ᠡᠰᠡᠷᠭᠦᠴᠡᠬᠦ ᠠᠵᠢᠯ ᠤᠯᠠᠮ ᠬᠦᠨᠵᠡᠭᠡᠢ ᠶᠠᠪᠤᠭᠳᠠᠵᠠᠢ᠃ | | 2015 ᠤᠨ ᠤ ᠡᠪᠤᠯ ᠠᠴᠠ ᠨᠠᠰᠢ᠂ ᠮᠠᠨ ᠤ ᠬᠤᠰᠢᠭᠤ ᠬᠤᠪᠤᠷ ᠲᠤᠬᠢᠶᠠᠯᠳᠤᠳᠠᠭ ᠵᠤᠤᠨ ᠭᠠᠮᠰᠢᠭ ᠲᠤ | ᠤᠴᠡᠷᠡᠵᠦ᠂ ᠪᠦᠬᠦ ᠬᠤᠰᠢᠭᠤᠨ ᠤ 3.2 ᠲᠦᠮᠡᠨ ᠬᠦᠮᠦᠨ᠂ 20 ᠲᠦᠮᠨ ᠭᠠᠷᠤᠢ ᠮᠠᠯ ᠤᠨᠤᠭ᠎ᠠ ᠬᠦᠨᠳᠦ | ᠨᠤᠴᠢᠳᠡᠢ ᠭᠠᠮᠰᠢᠭᠳᠠᠪᠠ᠃ ᠵᠤᠤᠨ ᠭᠠᠮᠰᠢᠭ ᠤᠨ ᠡᠮᠤᠨ᠎ᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠦᠨ | ᠨᠢ ᠪᠦᠬᠦ ᠬᠤᠰᠢᠭᠤᠨ ᠤ ᠺᠠᠳ᠋ᠷ ᠤᠯᠡᠨ ᠲᠦᠮᠡᠨ ᠢ ᠪᠦᠯᠭᠦᠮᠳᠡᠭᠦᠯᠦᠨ ᠲᠠᠭᠠᠭᠤᠯᠵᠦ᠂ ᠭᠠᠮᠰᠢᠭ ᠲᠠᠢ ᠲᠡᠮᠡᠴᠡᠵᠦ᠂ | ᠦᠪᠡᠷ ᠢ ᠪᠠᠨ ᠠᠪᠤᠷᠠᠬᠤ ᠠᠵᠢᠯ ᠢ ᠡᠷᠴᠢᠮᠳᠡᠢ ᠦᠷᠨᠢᠭᠦᠯᠵᠦ᠂ ᠴᠠᠭ ᠠᠭᠠᠷ ᠤᠨ ᠰᠤᠷᠠᠭ ᠴᠢᠮᠡᠭᠡ ᠶᠢ ᠲᠠᠷᠤᠢ ᠳᠤᠨᠢ | ᠨᠡᠶᠢᠳᠡᠯᠡᠵᠦ᠂ ᠭᠠᠮᠰᠢᠭ ᠲᠠᠢ ᠲᠡᠮᠡᠴᠡᠬᠦ ᠡᠪᠡᠰᠦ ᠪᠤᠷᠳᠤᠭ᠎ᠠ ᠡᠳ᠋ ᠪᠤᠳᠡᠰ ᠢ ᠪᠠᠴᠢᠮ ᠲᠦᠷᠭᠡᠨ ᠵᠦᠭᠡᠭᠡᠪᠦᠷᠢᠯᠡᠨ | ᠤᠷᠤᠭᠤᠯᠵᠦ᠂ ᠮᠠᠰᠢᠨ ᠪᠠᠭᠠᠵᠢ ᠲᠤᠬᠢᠷᠠᠭᠤᠯᠤᠨ ᠴᠡᠰᠦ ᠰᠢᠭᠤᠷᠭᠠᠨ ᠳᠤ ᠳᠦᠭᠵᠢᠷᠡᠭᠰᠡᠨ ᠵᠠᠮ ᠱᠤᠭᠤᠮ ᠢ | ᠨᠡᠪᠳᠡᠷᠡᠭᠦᠯᠵᠦ᠂ ᠬᠦᠴᠢᠷᠳᠡᠯ ᠲᠠᠢ ᠤᠯᠡᠨ ᠲᠦᠮᠡᠨ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ | ᠭᠠᠮᠰᠢᠭ ᠤᠨ ᠬᠤᠬᠢᠷᠠᠯ ᠰᠦᠢᠳᠦᠯ ᠢ ᠬᠠᠮᠤᠭ ᠲᠤᠤᠷ᠎ᠡ ᠬᠡᠮᠵᠢᠶᠡᠨ ᠳᠤ ᠬᠢᠵᠠᠭᠠᠷᠯᠡᠪᠠ᠃ ᠮᠦᠨᠴᠦ ︽ᠬᠤᠶᠠᠷ ᠫᠸᠡᠭ | ᠨᠢᠭᠡ ᠡᠪᠡᠰᠤᠨ ᠤ ᠦᠢᠯᠡᠰ︾ ᠵᠡᠷᠭᠡ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠪᠤᠯᠤᠨ | ︽ᠠᠷᠪᠡ ᠶᠢ ᠪᠦᠷᠭᠦᠭᠦᠯᠬᠦ ᠢᠨᠵᠧᠨᠧᠷᠢᠩ︾ ᠢ ᠶᠡᠭᠡᠪᠡᠷ ᠬᠡᠷᠡᠭᠵᠢᠭᠦᠯᠬᠦ ᠪᠠᠷ ᠲᠠᠮᠵᠢᠭᠠᠳ᠂ ᠮᠠᠯᠵᠢᠬᠤ ᠲᠠᠷᠢᠶᠠᠯᠠᠬᠤ | ᠤᠷᠤᠨ ᠤ ᠰᠠᠭᠤᠷᠢ ᠲᠦᠭᠦᠭᠡᠷᠦᠮᠵᠢ ᠲᠤᠪᠦᠶᠢᠮ᠎ᠡ ᠰᠡᠶᠢᠵᠢᠷᠠᠵᠦ᠂ ᠮᠠᠯᠴᠢᠨ ᠲᠠᠷᠢᠶᠠᠴᠢᠳ ᠤᠨ ᠲᠤᠰ ᠪᠡᠶ᠎ᠡ ᠶᠢᠨ | ᠭᠠᠮᠰᠢᠭ ᠢ ᠡᠰᠡᠷᠭᠦᠴᠡᠬᠦ ᠴᠢᠳᠠᠪᠤᠷᠢ ᠨᠢ ᠮᠠᠳᠡᠭᠳᠡᠮ᠎ᠡ ᠴᠢᠩᠭᠠᠷᠠᠵᠦ᠂ ᠪᠠᠶᠢᠭᠠᠯᠢ ᠶᠢᠨ ᠭᠠᠮᠰᠢᠭ ᠵᠤᠤᠨ ᠤᠨ ᠰᠢᠯᠭᠠᠯᠳᠠ | ᠶᠢ ᠲᠠᠭᠠᠭᠠᠵᠦ᠂ ᠮᠠᠯᠴᠢᠨ ᠲᠠᠷᠢᠶᠠᠴᠢᠳ ᠤᠨ ᠭᠡᠪ ᠤᠨ ᠦᠢᠯᠡᠳᠪᠤᠷᠢᠯᠡᠯ ᠠᠮᠢᠳᠦᠷᠡᠯ ᠤᠨ ᠡᠮᠬᠢ ᠲᠢᠭᠯᠢᠮ ᠢ | ᠬᠦᠴᠦᠳᠡᠢ ᠪᠠᠳᠤᠯᠠᠭᠰᠠᠨ ᠪᠡᠶᠢᠨ᠎ᠡ᠃ | ᠲᠦᠯᠦᠭᠡᠯᠡᠭᠴᠢᠳ ᠡ᠄ 2015 ᠤᠨ ᠤ ᠭᠤᠤᠯ ᠡᠭᠦᠷᠭᠡ ᠬᠠᠷᠠᠯᠳᠡ ᠪᠠᠨ ᠪᠡᠶᠡᠯᠡᠭᠦᠯᠦᠭᠰᠡᠨ ᠶᠠᠪᠤᠳᠡᠯ ᠨᠢ | ᠮᠠᠨ ᠤ ᠬᠤᠰᠢᠭᠤᠨ ᠤ ︽ᠠᠷᠪᠡᠨ ᠬᠤᠶᠠᠳᠤᠭᠠᠷ ᠲᠠᠪᠤᠨ ᠵᠢᠯ︾ ᠤᠨ ᠲᠦᠯᠦᠪᠯᠡᠭᠡ ᠢᠯᠡᠯᠳᠡ ᠲᠠᠢ ᠪᠠᠷ ᠰᠡᠭᠦᠯ | ᠬᠤᠷᠢᠶᠠᠭᠰᠠᠨ ᠢ ᠬᠠᠷᠠᠭᠤᠯᠵᠦ ᠪᠠᠶᠢᠨ᠎ᠡ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠶᠢ | ᠡᠷᠬᠢᠴᠡᠭᠦᠯᠪᠡᠯ᠂ ᠪᠢᠳᠡᠨ ᠤ ᠤᠯᠤᠭᠰᠠᠨ ᠠᠮᠵᠢᠯᠲᠠ ᠬᠢᠯᠪᠡᠷ ᠪᠤᠰᠤ ᠪᠦᠭᠡᠳ ᠬᠤᠪᠤᠷ ᠨᠠᠨᠳᠢᠨ ᠲᠤᠷᠰᠢᠯᠭ᠎ᠠ | ᠬᠤᠷᠠᠮᠳᠤᠭᠤᠯᠤᠭᠰᠠᠨ ᠶᠤᠮ᠃ ᠡᠨᠡ ᠪᠤᠯ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠡᠢ | ᠤᠳᠤᠷᠢᠳᠤᠯᠭ᠎ᠠ ᠪᠠ ᠰᠢᠨᠵᠢᠯᠡᠬᠦ ᠤᠬᠠᠭᠠᠨᠴᠢ ᠰᠶᠢᠳᠪᠤᠷᠢᠳᠦ ᠪᠤᠳᠤᠯᠭ᠎ᠠ ᠶᠢᠨ ᠦᠷ᠎ᠡ ᠳ᠋ᠦᠡᠭ ᠪᠤᠯᠤᠨ᠎ᠡ︔ ᠬᠤᠰᠢᠭᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠢᠳᠡᠪᠬᠢᠳᠡᠢ ᠲᠡᠮᠵᠢᠯᠭᠡ | ᠪᠠ ᠦᠷ᠎ᠡ ᠪᠦᠳᠦᠮᠵᠢᠳᠡᠢ ᠬᠢᠨᠠᠯᠳᠠ ᠲᠠᠯᠪᠢᠭᠰᠠᠨ ᠤ ᠦᠷ᠎ᠡ ᠳ᠋ᠦᠡᠭ ᠮᠦᠨ︔ ᠪᠦᠬᠦ ᠬᠤᠰᠢᠭᠤᠨ ᠤ ᠦᠷᠭᠡᠨ ᠤᠯᠡᠨ | ᠺᠠᠳ᠋ᠷ ᠤᠯᠡᠨ ᠲᠦᠮᠡᠨ ᠪᠦᠯᠭᠦᠮᠳᠡᠨ ᠲᠠᠮᠠᠴᠡᠵᠦ᠂ ᠦᠨᠡᠨ ᠪᠤᠳᠡᠳᠡᠢ ᠠᠵᠢᠯᠯᠠᠭᠰᠠᠨ ᠤ ᠦᠷ᠎ᠡ ᠳ᠋ᠦᠡᠭ ᠪᠤᠯᠤᠨ᠎ᠡ︔ | ᠮᠦᠨᠴᠦ ᠨᠡᠶᠢᠭᠡᠮ ᠤᠨ ᠡᠯ᠎ᠡ ᠡᠳᠡᠭᠡᠳ ᠤᠨ ᠬᠢᠨ ᠦᠷᠭᠡᠨ ᠢᠶᠠᠷ ᠤᠷᠤᠯᠴᠠᠵᠦ ᠬᠦᠴᠦᠳᠡᠢ ᠲᠠᠮᠵᠢᠯᠭᠡ ᠦᠵᠡᠭᠦᠯᠦᠭᠰᠡᠨ | ᠤ ᠦᠷ᠎ᠡ ᠳ᠋ᠦᠡᠭ ᠪᠤᠯᠤᠨ᠎ᠡ᠃ ᠠᠳᠡ᠂ ᠪᠢ ᠬᠤᠰᠢᠭᠤ ᠵᠠᠰᠠᠭ ᠤᠨ ᠤᠷᠳᠦᠨ ᠤ ᠡᠮᠦᠨ᠎ᠡ ᠠᠴᠠ᠂ ᠮᠠᠨ ᠤ | ᠬᠤᠰᠢᠭᠤᠨ ᠤ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠶᠢ ᠬᠠᠯᠠᠮᠵᠢᠯᠡᠨ ᠲᠡᠮᠵᠢᠭᠰᠡᠨ ᠪᠦᠭᠦᠶᠢᠯᠨ ᠨᠦᠬᠦᠳ᠂ | ᠨᠠᠶᠢᠵᠨ ᠨᠡᠷ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠦᠶ᠎ᠡ︕ | ᠪᠢᠳᠡ ᠠᠮᠵᠢᠯᠳᠡ ᠪᠦᠳᠦᠭᠡᠯ ᠢᠶᠠᠨ ᠨᠤᠳᠠᠯᠠᠬᠤ ᠶᠢᠨ ᠬᠠᠮᠳᠦ᠂ ᠮᠠᠨ ᠤ ᠬᠤᠰᠢᠭᠤᠨ ᠤ ᠤᠳᠦᠬᠢ ᠠᠵᠤ ᠠᠬᠤᠢ | ᠶᠢᠨ ᠬᠦᠭᠵᠢᠯᠳᠡ ᠲᠤᠮᠳᠠ ᠪᠠᠰᠠ ᠨᠡᠯᠢᠶᠡᠳ ᠬᠦᠴᠢᠷ ᠪᠡᠷᠭᠡᠰᠢᠶᠡᠯ ᠪᠤᠯᠤᠨ ᠠᠰᠠᠭᠤᠳᠡᠯ ᠤᠷᠦᠰᠢᠵᠦ ᠪᠠᠶᠢᠬᠤ ᠶᠢ | ᠰᠡᠷᠭᠡᠭ ᠢᠶᠠᠷ ᠤᠯᠵᠦ ᠮᠡᠳᠡᠪᠡ᠃ ᠭᠤᠤᠯ ᠢᠯᠡᠷᠡᠯ ᠨᠢ᠄ ᠨᠢᠭᠡ ᠳᠤ᠂ ᠬᠠᠷᠠᠬᠠᠨ ᠬᠦᠭᠵᠢᠭᠡᠳᠦᠢ ᠬᠤᠰᠢᠭᠤᠨ ᠤ | ᠦᠨᠳᠦᠰᠦᠨ ᠪᠡᠶᠢᠳᠡᠯ ᠢ ᠤᠭ ᠦᠨᠳᠦᠰᠦᠨ ᠠᠴᠠ ᠨᠢ ᠬᠤᠪᠢᠷᠠᠭᠤᠯᠵᠦ ᠴᠢᠳᠠᠭᠠᠳᠦᠢ᠂ ᠠᠵᠤ ᠠᠬᠤᠢ ᠶᠢᠨ ᠶᠡᠷᠤᠩᠬᠡᠢ | ᠬᠡᠮᠵᠢᠶ᠎ᠠ᠂ ᠬᠤᠳᠡ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠵᠡᠷᠭᠡ ᠭᠤᠤᠯ ᠠᠵᠤ ᠠᠬᠤᠢ ᠶᠢᠨ | ᠬᠦᠢᠴᠡᠳᠭᠡᠬᠦ ᠲᠤᠭ᠎ᠠ ᠨᠢ ᠪᠠᠰᠨ ᠪᠦᠬᠦ ᠤᠷᠤᠨ᠂ ᠪᠦᠬᠦ ᠠᠶᠢᠮᠠᠭ ᠤᠨ ᠬᠤᠶᠢᠭᠤᠷ ᠪᠠᠶᠢᠷᠢᠯᠡᠵᠦ ᠪᠠᠶᠢᠨ᠎ᠡ᠃ ᠬᠤᠶᠠᠷ | ᠲᠤ᠂ ᠠᠵᠤ ᠠᠬᠤᠢ ᠶᠢᠨ ᠪᠦᠳᠦᠴᠨ ᠵᠦᠢ ᠵᠤᠬᠢᠰ ᠦᠭᠡᠢ᠂ ᠨᠢᠭᠡᠳᠦᠭᠡᠷ ᠠᠵᠤ ᠦᠢᠯᠡᠰ ᠤᠨ ᠪᠦᠳᠦᠴᠨ ᠰᠢᠯᠢᠳᠡᠭ | ᠪᠤᠰᠤ᠂ ᠬᠤᠶᠠᠳᠤᠭᠠᠷ ᠠᠵᠤ ᠦᠢᠯᠡᠰ ᠤᠨ ᠶᠠᠷᠤᠩᠬᠡᠢ ᠬᠡᠮᠵᠢᠶ᠎ᠡ ᠪᠠᠭ᠎ᠠ᠂ ᠭᠤᠷᠪᠠᠳᠤᠭᠠᠷ ᠠᠵᠤ ᠦᠢᠯᠡᠰ ᠤᠨ ᠶᠠᠰᠦ | ᠴᠢᠨᠠᠷ ᠨᠢ ᠲᠤᠤᠷ᠎ᠡ᠂ ᠭᠤᠷᠪᠡᠨ ᠠᠵᠤ ᠦᠢᠯᠡᠰ ᠢ ᠬᠦᠴᠦᠷᠭᠡᠭᠵᠢᠭᠦᠯᠬᠦ ᠡᠭᠦᠷᠭᠡ ᠬᠠᠳᠠᠭᠤ ᠪᠠᠷᠭᠡ ᠪᠠᠶᠢᠨ᠎ᠡ᠃ ᠭᠤᠷᠪᠠ | ᠳᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠮᠦᠨ ᠯᠨ ᠲᠤᠪᠦᠶᠢᠮ᠎ᠡ ᠪᠠᠶᠢᠵᠦ᠂ ᠡᠳ᠋ ᠤᠨ | ᠬᠦᠴᠦᠨ ᠤ ᠵᠠᠷᠤᠯᠭ᠎ᠠ ᠶᠢᠨ ᠲᠠᠷᠤᠯᠳᠠ ᠨᠡᠯᠢᠶᠡᠳ ᠶᠡᠭᠡ᠂ ᠠᠷᠠᠳ ᠤᠨ ᠠᠮᠢᠳᠦᠷᠠᠯ ᠢ ᠪᠠᠳᠤᠯᠡᠨ ᠰᠡᠶᠢᠵᠢᠷᠠᠭᠤᠯᠬᠤ | ᠡᠭᠦᠷᠭᠡ ᠬᠠᠳᠠᠭᠤᠵᠢᠯᠳᠡᠢ ᠪᠠᠶᠢᠵᠦ᠂ ᠰᠤᠷᠭᠠᠨ ᠬᠦᠮᠦᠵᠢᠯ᠂ ᠡᠮ ᠡᠮᠨᠡᠯᠭᠡ᠂ ᠠᠵᠢᠯ ᠤᠯᠭᠤᠯᠳᠠ᠂ ᠨᠡᠶᠢᠭᠡᠮ ᠤᠨ | ᠪᠠᠳᠤᠯᠠᠭ᠎ᠠ᠂ ᠤᠷᠤᠨ ᠰᠠᠭᠤᠴᠨ ᠵᠡᠷᠭᠡ ᠲᠠᠯ᠎ᠠ ᠶᠢᠨ ᠠᠵᠢᠯ ᠨᠢ ᠤᠯᠡᠨ ᠲᠦᠮᠡᠨ ᠤ ᠬᠦᠰᠡᠯ ᠱᠠᠭᠠᠷᠳᠠᠯᠭ᠎ᠠ ᠠᠴᠠ | ᠵᠤᠬᠢᠬᠤ ᠬᠡᠮᠵᠢᠶᠡᠨ ᠤ ᠵᠦᠷᠢᠶ᠎ᠡ ᠲᠠᠢ ᠪᠠᠶᠢᠭᠰᠠᠭᠠᠷ ᠪᠡᠶᠢᠨ᠎ᠡ᠃ ᠲᠦᠷᠪᠡ ᠳᠤ᠂ ᠬᠤᠳᠠ ᠬᠦᠳᠡᠭᠡᠨ ᠤ ᠰᠠᠭᠤᠷᠢ | ᠲᠦᠭᠦᠭᠡᠷᠦᠮᠵᠢ ᠨᠢ ᠪᠠᠰᠨ ᠲᠡᠭᠦᠯᠳᠡᠷᠵᠢᠵᠦ ᠲᠡᠶᠢᠯᠦᠭᠡᠳᠦᠢ᠂ ᠨᠠᠷᠢᠯᠢᠭᠵᠢᠭᠰᠠᠨ ᠬᠠᠮᠢᠶᠠᠷᠤᠯᠳᠠ ᠶᠢᠨ ᠲᠦᠷᠢᠮ ᠤᠨ | ᠲᠤᠭᠳᠠᠯᠴᠠᠭ᠎ᠠ ᠨᠢ ᠬᠠᠷᠠᠬᠠᠨ ᠪᠦᠷᠢᠨ ᠪᠤᠰᠦ᠂ ᠬᠤᠳᠠ ᠪᠠᠯᠭᠠᠰᠤᠵᠢᠭᠰᠠᠨ ᠨᠤᠷᠮ᠎ᠡ ᠮᠦᠨ ᠯᠨ ᠪᠦᠬᠦ ᠠᠶᠢᠮᠠᠭ ᠤᠨ | ᠲᠡᠭᠡᠭᠰᠢᠳᠭᠡᠭᠰᠡᠨ ᠲᠦᠪᠰᠢᠨ ᠠᠴᠠ ᠲᠤᠤᠷ᠎ᠡ ᠪᠠᠶᠢᠨ᠎ᠡ᠃ ᠲᠠᠪᠤ ᠳᠤ᠂ ᠬᠤᠳᠡ ᠬᠦᠳᠡᠭᠡ ᠶᠢᠨ ᠰᠠᠭᠤᠭᠠᠯᠢ ᠠᠷᠠᠳ | ᠤᠨ ᠤᠷᠤᠯᠭ᠎ᠠ ᠶᠢᠨ ᠨᠡᠮᠡᠭᠳᠡᠯ ᠤᠨ ᠰᠠᠭᠤᠷᠢ ᠪᠠᠳᠦ ᠪᠢᠰᠢ᠂ ᠠᠷᠭ᠎ᠠ ᠵᠡᠮ ᠨᠢ ᠢᠪᠴᠤᠤ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠬᠦᠨᠳᠦ ᠪᠠᠶᠢᠨ᠎ᠡ᠃ ᠡᠳᠡᠭᠡᠷ ᠠᠰᠠᠭᠤᠳᠡᠯ ᠢ ᠪᠢᠳᠡ ᠡᠷᠭᠡᠪᠰᠢ | ᠴᠢᠬᠤᠯᠡᠴᠢᠯᠡᠨ ᠦᠵᠡᠵᠦ᠂ ᠰᠠᠨᠠᠭᠠᠴᠢᠯᠠᠭ᠎ᠠ ᠲᠠᠢ ᠪᠠᠷ ᠠᠵᠢᠯᠯᠠᠵᠦ᠂ ᠬᠦᠴᠦᠳᠡᠢ ᠠᠷᠭ᠎ᠠ ᠬᠡᠮᠵᠢᠶ᠎ᠡ ᠠᠪᠴᠦ᠂ ᠨᠠᠷᠢᠨ | ᠬᠢᠨᠠᠮᠠᠭᠠᠢ ᠰᠶᠢᠳᠪᠤᠷᠢᠯᠡᠨ᠎ᠡ᠃ | ᠬᠤᠶᠠᠷ᠂ ︽ᠠᠷᠪᠡᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠢᠯ ᠤᠨ ᠰᠡᠳᠬᠢᠴᠨ | ᠪᠤᠯᠤᠨ 2016 ᠤᠨ ᠤ ᠭᠤᠤᠯ ᠠᠵᠢᠯ | ︽ᠠᠷᠪᠡᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠠᠵᠤ ᠠᠬᠤᠢ ᠶᠢᠨ | ᠪᠤᠳᠡᠳᠦ ᠬᠦᠴᠦᠨ ᠢᠶᠠᠨ ᠪᠤᠵᠠᠭᠠᠶᠢᠷᠡᠭᠤᠯᠵᠦ᠂ ᠬᠡᠯᠪᠡᠷᠢ ᠪᠠᠨ ᠬᠤᠪᠢᠷᠠᠭᠤᠯᠵᠦ᠂ ᠲᠡᠰ ᠲᠠᠪᠰᠢᠭᠦᠯᠬᠦ ᠪᠤᠭᠤᠮᠳᠠ | ᠰᠢᠪᠳᠤᠯᠬᠤ ᠴᠠᠭ ᠬᠤᠭᠤᠴᠠᠭ᠎ᠠ ᠪᠤᠯᠤᠨ᠎ᠡ᠂ ᠬᠦᠴᠢᠷᠳᠡᠯ ᠲᠠᠢ ᠠᠰᠠᠭᠤᠳᠡᠯ ᠢ ᠰᠶᠢᠳᠪᠤᠷᠢᠯᠡᠵᠦ ᠬᠦᠷᠦᠯᠴᠡᠬᠦ ᠦᠭᠡᠢ | ᠵᠦᠢᠯ ᠢᠶᠠᠨ ᠨᠦᠬᠦᠪᠤᠷᠢᠯᠡᠬᠦ ᠵᠠᠩᠬᠢᠯᠠᠭ᠎ᠠ ᠶᠢᠨ ᠬᠤᠭᠤᠴᠠᠭ᠎ᠠ ᠪᠦᠭᠡᠳ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠢᠯᠡᠯᠳᠡ ᠤᠯᠬᠤ ᠰᠶᠢᠳᠪᠤᠷᠢᠳᠦ ᠬᠤᠭᠤᠴᠠᠭ᠎ᠠ ᠪᠤᠯᠤᠨ᠎ᠡ᠃ ᠪᠢᠳᠡᠨ ᠳᠤ ᠠᠵᠤ ᠠᠬᠤᠢ ᠪᠠᠭᠤᠷᠠᠭᠰᠠᠨ | ᠲᠠᠷᠤᠯᠳᠠ ᠨᠡᠯᠢᠶᠡᠳ ᠶᠡᠭᠡ᠂ ᠤᠯᠡᠨ ᠠᠷᠪᠢᠨ ᠵᠦᠷᠢᠴᠡᠯ ᠲᠠᠪᠬᠤᠴᠠᠭᠰᠠᠨ ᠴᠢᠩᠭ᠎ᠠ ᠬᠠᠳᠠᠭᠤ ᠦᠷᠢᠰᠦᠯᠳᠦᠭᠡᠨ | ᠲᠤᠯᠭᠠᠷᠠᠵᠦ ᠪᠠᠶᠢᠬᠤ ᠶᠢᠨ ᠵᠡᠷᠭᠡᠪᠡᠷ ᠪᠠᠰᠨ ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ᠂ ᠠᠮᠢᠵᠢᠷᠠᠯ ᠤᠨ ᠬᠦᠴᠦᠨ | ᠬᠦᠭᠵᠢᠭᠦᠨ ᠪᠠᠶᠢᠭ᠎ᠠ ᠬᠤᠪᠤᠷ ᠴᠤᠬᠠᠭ ᠠᠵᠨ ᠵᠠᠪᠰᠢᠶᠡᠨ ᠲᠤᠬᠢᠶᠠᠯᠳᠦᠵᠦ ᠪᠡᠶᠢᠨ᠎ᠡ᠃ ᠪᠦᠬᠦ ᠬᠤᠰᠢᠭᠤᠨ ᠤ ᠠᠷᠠᠳ | ᠲᠦᠮᠡᠨ ᠪᠠᠰᠨ ᠨᠢᠭᠡᠨ ᠴᠤ᠋ ᠰᠢᠨ᠎ᠡ ᠡᠬᠢᠯᠡᠯᠳᠡ ᠶᠢᠨ ᠴᠢᠭ ᠲᠡᠭᠡᠷ᠎ᠡ ᠭᠠᠷᠤᠯ᠎ᠡ᠃ ᠢᠢᠮᠤ ᠠᠴᠠ ᠪᠢᠳᠡ ᠡᠷᠭᠡᠪᠰᠢ | ᠴᠢᠩᠭ᠎ᠠ ᠨᠢᠮᠪᠠᠢ ᠬᠠᠷᠢᠭᠤᠴᠠᠯᠭᠠᠳᠦ ᠰᠡᠳᠬᠢᠯᠭᠡ᠂ ᠬᠦᠭᠵᠢᠯᠳᠡ ᠶᠢᠨ ᠦᠵᠡᠯ ᠤᠬᠠᠮᠰᠠᠷ ᠪᠤᠯᠤᠨ ᠠᠵᠨ ᠲᠤᠬᠢᠶᠠᠯ ᠤᠨ | ᠤᠬᠠᠮᠰᠠᠷ ᠲᠠᠨᠢᠯᠳᠡ ᠲᠠᠢ ᠪᠠᠶᠢᠵᠦ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠭᠡᠪ ᠪᠠᠶᠢᠳᠡᠯ ᠲᠠᠢ | ᠰᠠᠨᠠᠭᠠᠴᠢᠯᠠᠭ᠎ᠠ ᠠᠴᠠ ᠪᠠᠨ ᠵᠤᠬᠢᠴᠠᠵᠦ᠂ ᠤᠨᠤᠪᠴᠢᠳᠡᠢ ᠠᠳᠬᠤᠵᠦ᠂ ᠤᠶᠤᠨ ᠴᠢᠳᠡᠯ ᠢᠶᠠᠨ ᠲᠦᠪᠯᠡᠷᠡᠭᠦᠯᠵᠦ᠂ | ᠰᠢᠷᠭᠠᠭᠤ ᠬᠠᠳᠠᠭᠤᠵᠢᠯᠳᠡᠢ ᠠᠵᠢᠯᠯᠠᠵᠦ᠂ ᠰᠡᠭᠦᠯᠡᠷ ᠬᠦᠭᠵᠢᠭᠰᠡᠨ ᠲᠠᠪᠠᠭᠤᠯᠢᠭ ᠢᠶᠠᠨ ᠦᠨᠡᠨ ᠬᠦ ᠬᠦᠭᠵᠢᠯᠳᠡ ᠶᠢᠨ | ᠲᠠᠪᠠᠭᠤᠯᠢᠭ ᠪᠤᠯᠭᠠᠨ ᠬᠤᠪᠢᠷᠠᠭᠤᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠪᠦᠬᠦ ᠲᠠᠯ᠎ᠡ ᠶᠢᠨ | ᠵᠤᠬᠢᠴᠠᠩᠭᠤᠢ᠂ ᠦᠷᠭᠦᠯᠵᠢᠯᠡᠬᠦ ᠬᠦᠭᠵᠢᠯᠳᠡ ᠶᠢ ᠲᠦᠯᠬᠢᠨ ᠠᠬᠢᠭᠤᠯᠬᠤ ᠬᠡᠷᠡᠭᠳᠡᠢ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠶᠠᠷᠤᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ | ᠪᠤᠯᠤᠨ ᠠᠷᠪᠡᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠤᠭᠡᠷ᠂ ᠲᠠᠪᠤᠳᠤᠭᠠᠷ ᠪᠦᠬᠦᠳᠡ | ᠬᠤᠷᠠᠯᠳᠤᠭᠠᠨ ᠤ ᠵᠤᠷᠢᠭ ᠰᠠᠨᠠᠭ᠎ᠠ ᠪᠤᠯᠤᠨ ᠰᠢ ᠶᠢᠨ ᠫᠢᠡᠭ ᠶᠡᠷᠤᠩᠬᠡᠢ ᠱᠦᠵᠢ ᠶᠢᠨ ᠰᠢᠷᠢᠰ ᠶᠠᠷᠢᠶᠠᠨ ᠤ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ︽ᠲᠦᠷᠪᠡᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ︾ ᠶᠢ ᠪᠠᠷᠢᠮᠳᠡᠯᠡᠨ᠂ ᠬᠦᠭᠵᠢᠯᠲᠡ ᠪᠤᠯ ᠨᠢᠭᠡᠳᠦᠭᠡᠷ ᠭᠤᠤᠯ ᠠᠵᠢᠯ ᠪᠤᠯᠬᠤ ᠶᠢ ᠭᠤᠶᠢᠪᠠᠰᠢ ᠦᠭᠡᠢ | ᠪᠠᠷᠢᠮᠲᠠᠯᠠᠵᠤ᠂ ︽ᠲᠠᠪᠤᠨ ᠶᠡᠭᠡ ᠬᠦᠭᠵᠢᠯᠳᠡ ᠶᠢᠨ ᠦᠢᠯᠭᠠᠭᠳᠠᠬᠤᠨ︾ ᠢ ᠪᠠᠳᠦ ᠡᠵᠡᠮᠰᠢᠨ᠂ ᠠᠵᠤ ᠠᠬᠤᠢ ᠶᠢᠨ | ᠶᠡᠷᠤᠩᠬᠡᠢ ᠬᠡᠮᠵᠢᠶ᠎ᠡ ᠶᠢ ᠲᠠᠰᠤᠷᠠᠯᠳᠡ ᠦᠭᠡᠢ ᠦᠷᠭᠡᠳᠭᠡᠬᠦ ᠪᠤᠯᠤᠨ ᠠᠵᠤ ᠠᠬᠤᠢ ᠶᠢᠨ ᠴᠢᠨᠠᠷ ᠴᠢᠨᠰᠠᠭ᠎ᠠ ᠶᠢ | ᠲᠡᠭᠡᠭᠰᠢᠯᠡᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠢᠭ ᠢ ᠬᠦᠴᠦᠯᠡᠨ ᠪᠦᠢᠵᠢᠭᠤᠯᠵᠦ᠂ ᠠᠵᠤ ᠠᠬᠤᠢ | ᠶᠢᠨ ᠪᠦᠳᠦᠴᠨ ᠶᠢ ᠬᠦᠴᠤᠳᠡᠢ ᠲᠤᠬᠢᠷᠠᠭᠤᠯᠤᠨ ᠰᠢᠯᠢᠳᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠳᠠ ᠪᠤᠯᠤᠨ | ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠨ᠂ ᠠᠵᠤ | ᠦᠢᠯᠡᠳᠪᠤᠷᠢᠵᠢᠯᠳᠡ᠂ ᠰᠤᠷᠠᠭ ᠵᠠᠩᠬᠢᠵᠢᠯᠳᠡ᠂ ᠬᠤᠳᠡ ᠪᠠᠯᠭᠠᠰᠦᠵᠢᠯᠳᠡ᠂ ᠮᠠᠯ ᠠᠵᠤ ᠠᠬᠤᠢ ᠲᠠᠷᠢᠶᠡᠯᠡᠩ ᠤᠨ | ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢ ᠬᠦᠴᠦᠯᠡᠨ ᠠᠬᠢᠭᠤᠯᠵᠦ᠂ ᠠᠷᠠᠳ ᠤᠨ ᠠᠮᠢᠳᠦᠷᠡᠯ ᠢ ᠪᠠᠳᠤᠯᠠᠨ | ᠰᠡᠶᠢᠵᠢᠷᠠᠭᠤᠯᠬᠤ ᠠᠵᠢᠯ ᠢ ᠡᠷᠴᠢᠮᠳᠡᠢ ᠬᠢᠵᠦ᠂ ᠨᠡᠶᠢᠭᠡᠮ ᠤᠨ ᠪᠦᠳᠦᠭᠡᠨ ᠪᠠᠶᠢᠭᠤᠯᠤᠯᠳᠠ ᠪᠤᠯᠤᠨ ᠨᠡᠶᠢᠭᠡᠮ ᠤᠨ | ᠬᠠᠮᠢᠶᠠᠷᠤᠯᠳᠠ ᠶᠢᠨ ᠰᠢᠨ᠎ᠡ ᠶᠢ ᠡᠭᠦᠳᠬᠦ ᠠᠵᠢᠯ ᠢ ᠴᠢᠩᠭᠠᠳᠬᠠᠵᠦ᠂ ᠪᠦᠬᠦ ᠬᠤᠰᠢᠭᠤᠨ ᠤ ᠠᠵᠤ ᠠᠬᠤᠢ ᠶᠢᠨ | ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠦᠳᠦᠭᠡᠨ ᠪᠠᠶᠢᠭᠤᠯᠤᠯᠳᠠ᠂ ᠰᠤᠶᠤᠯ ᠤᠨ ᠪᠦᠳᠦᠭᠡᠨ | ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠦᠨ ᠤ ᠪᠦᠳᠦᠭᠡᠨ ᠪᠠᠶᠢᠭᠤᠯᠤᠯᠳᠠ ᠪᠤᠯᠤᠨ ᠨᠡᠮ ᠤᠨ ᠪᠠᠶᠢᠭᠤᠯᠤᠯᠳᠠ ᠶᠢ | ᠨᠢᠭᠡᠳᠦᠯᠳᠡᠢ ᠲᠦᠯᠦᠪᠯᠡᠨ ᠠᠬᠢᠭᠤᠯᠵᠦ᠂ ᠢᠳᠡᠭᠡᠯ ᠵᠤᠷᠢᠭ ᠢᠶᠠᠨ ᠪᠠᠳᠤᠳᠬᠠᠨ᠂ ᠬᠦᠴᠦᠨ ᠴᠢᠳᠡᠯ ᠢᠶᠠᠨ ᠬᠦᠪᠴᠢᠯᠡᠨ | ᠂ ᠤᠷᠤᠨ ᠪᠠᠶᠢᠷᠢ ᠪᠠᠨ ᠲᠡᠪᠰᠢᠭᠦᠯᠵᠦ᠂ ᠲᠤᠭᠳᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠬᠦ ᠲᠠᠯ᠎ᠡ | ᠪᠠᠷ ᠪᠡᠶᠡᠯᠡᠭᠦᠯᠬᠦ ᠶᠢ ᠪᠠᠳᠤᠯᠠᠨ᠎ᠡ᠃ | ︽ᠠᠷᠪᠡᠨ ᠭᠤᠷᠪᠠᠳᠤᠭᠠᠷ ᠲᠠᠪᠤᠨ ᠵᠢᠯ︾ ᠶᠢᠨ ᠬᠤᠭᠤᠴᠠᠭᠠᠨ ᠤ ᠰᠡᠭᠦᠯᠴᠢ ᠶᠢᠨ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠭᠤᠤᠯ ᠪᠤᠯᠬᠤ ᠬᠦᠭᠵᠢᠯᠳᠡ ᠶᠢᠨ ᠬᠠᠷᠠᠯᠳᠡ ᠪᠤᠯ᠄ ᠤᠷᠤᠨ ᠨᠤᠲᠤᠭ ᠤᠨ ᠦᠢᠯᠡᠳᠪᠦᠷᠢᠯᠡᠯ | ᠤᠨ ᠶᠡᠷᠤᠩᠬᠡᠢ ᠦᠷᠳᠡᠭ ᠢ ᠪᠠᠷᠤᠭ 57 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ | ᠪᠠᠷᠤᠭ 13% ᠪᠠᠷ ᠨᠡᠮᠡᠭᠳᠡᠭᠦᠯᠦᠨ᠎ᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 6.4 | ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 5.1% ᠪᠠᠷ ᠨᠡᠮᠡᠭᠳᠡᠭᠦᠯᠦᠨ᠎ᠡ︔ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 33 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠪᠦᠷᠢ | ᠲᠤᠮᠳᠠᠴᠢ ᠪᠠᠷ 15.6% ᠪᠠᠷ ᠨᠡᠮᠡᠭᠳᠡᠭᠦᠯᠦᠨ᠎ᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 17. | 6 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 12% ᠪᠠᠷ ᠨᠡᠮᠡᠭᠳᠡᠭᠦᠯᠦᠨ᠎ᠡ᠃ | ᠭᠤᠷᠪᠡᠨ ᠠᠵᠤ ᠦᠢᠯᠡᠰ ᠤᠨ ᠪᠦᠳᠦᠴᠨ ᠶᠢ 2015 ᠤᠨ ᠤ 16᠄ 51᠄ 33 ᠪᠠᠶᠢᠭᠰᠠᠨ ᠢ 11᠄ 58᠄ | 31 ᠪᠤᠯᠭᠠᠨ ᠬᠤᠪᠢᠷᠠᠭᠠᠨ᠎ᠠ᠃ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ ᠶᠢ ᠲᠠᠪᠤᠨ | ᠵᠢᠯ ᠳᠤ ᠨᠡᠶᠢᠳᠡ 210 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠵᠢᠯ ᠪᠦᠷᠢ ᠲᠤᠮᠳᠠᠴᠢ ᠪᠠᠷ 20.0% ᠪᠠᠷ | ᠨᠡᠮᠡᠭᠳᠡᠭᠦᠯᠦᠨ᠎ᠡ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 2.1 ᠳ᠋ᠦᠩᠰᠢᠭᠤᠷ | ᠲᠦᠭᠦᠷᠢᠭ ᠲᠤ ᠬᠦᠷᠭᠡᠵᠦ᠂ ᠵᠢᠯ ᠪᠦᠷᠢ ᠲᠤᠮᠳᠠᠴᠢ ᠪᠠᠷ 11.5% ᠪᠠᠷ ᠨᠡᠮᠡᠭᠳᠡᠭᠦᠯᠦᠨ᠎ᠡ᠃ ᠬᠤᠳᠠ ᠪᠠᠯᠭᠠᠰᠦᠨ ᠤ | ᠪᠠᠶᠢᠩᠭᠤ ᠰᠠᠭᠤᠭ᠎ᠠ ᠬᠦᠮᠦᠨ ᠪᠦᠷᠢ ᠶᠢᠨ ᠲᠤᠮᠳᠡᠴᠢ ᠡᠵᠡᠮᠰᠢᠵᠦ ᠪᠤᠯᠬᠤ ᠤᠷᠤᠯᠭ᠎ᠠ ᠶᠢ 44500 ᠲᠦᠭᠦᠷᠢᠭ ᠲᠤ | ᠬᠦᠷᠭᠡᠵᠦ᠂ ᠵᠢᠯ ᠪᠦᠷᠢ ᠲᠤᠮᠳᠠᠴᠢ ᠪᠠᠷ 10.1% ᠪᠠᠷ ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ | ᠪᠠᠶᠢᠩᠭᠤ ᠰᠠᠭᠤᠭ᠎ᠠ ᠬᠦᠮᠦᠨ ᠪᠦᠷᠢ ᠶᠢᠨ ᠲᠤᠮᠳᠠᠴᠢ ᠡᠵᠡᠮᠰᠢᠵᠦ ᠪᠤᠯᠬᠤ ᠤᠷᠤᠯᠭ᠎ᠠ ᠶᠢ 15000 ᠲᠦᠭᠦᠷᠢᠭ ᠲᠤ | ᠬᠦᠷᠭᠡᠵᠦ᠂ ᠵᠢᠯ ᠪᠦᠷᠢ ᠲᠤᠮᠳᠠᠴᠢ ᠪᠠᠷ 11.5% ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠲᠠᠸᠠᠷ ᠢ | ᠵᠢᠵᠢᠭᠯᠡᠨ ᠬᠤᠳᠠᠯᠳᠤᠬᠤ ᠶᠠᠷᠤᠩᠬᠡᠢ ᠦᠷᠳᠡᠭ ᠢ 13.5 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠪᠦᠷᠢ | ᠲᠤᠮᠳᠠᠴᠢ ᠪᠠᠷ 11.3 % ᠪᠠᠷ ᠨᠡᠮᠡᠭᠳᠡᠭᠦᠯᠦᠨ᠎ᠡ᠃ | ᠲᠡᠭᠡᠷᠡᠬᠢ ᠬᠠᠷᠠᠯᠳᠡ ᠡᠭᠦᠷᠭᠡ ᠶᠢ ᠪᠡᠶᠡᠯᠡᠭᠦᠯᠬᠦ ᠶᠢᠨ ᠲᠦᠯᠦᠭᠡ᠂ ᠬᠤᠶᠢᠰᠢᠳᠡ ᠶᠢᠨ ᠲᠠᠪᠤᠨ ᠵᠢᠯ ᠳᠤ | ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠬᠦᠭᠵᠢᠯᠳᠡ ᠶᠢ ᠪᠠᠷᠢᠮᠳᠠᠯᠠᠨ᠎ᠡ᠃ ᠦᠭᠡᠷᠡᠴᠢᠯᠡᠯᠳᠡ ᠬᠢᠵᠦ ᠰᠢᠨ᠎ᠡ ᠶᠢ | ᠡᠭᠦᠳᠬᠦ ᠶᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠶᠠᠪᠤᠴᠨ ᠳᠤ ᠠᠭᠤᠰᠤᠯᠴᠠᠭᠤᠯᠵᠦ᠂ ᠰᠢᠨ᠎ᠡ ᠶᠢ | ᠡᠭᠦᠳᠬᠦ ᠪᠠᠷ ᠬᠦᠭᠵᠢᠯᠳᠡ ᠶᠢᠨ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ | ᠦᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠪᠠ ᠲᠤᠳᠤᠭᠠᠳᠦ | ᠠᠭᠤᠯᠤᠭᠳᠠᠬᠤᠨ ᠪᠦᠬᠦᠢ ᠬᠦᠭᠵᠢᠯᠳᠡ ᠶᠢ ᠠᠬᠢᠭᠤᠯᠬᠤ ᠬᠦᠳᠡᠯᠭᠡᠬᠦ ᠬᠦᠴᠦᠨ ᠪᠤᠯᠭᠠᠵᠦ᠂ ᠪᠦᠬᠦ ᠬᠤᠰᠢᠭᠤᠨ ᠤ | ᠠᠵᠤ ᠠᠬᠤᠢ ᠨᠡᠶᠢᠭᠡᠮ ᠤᠨ ᠪᠦᠬᠦ ᠲᠠᠯ᠎ᠡ ᠶᠢᠨ ᠬᠦᠭᠵᠢᠯᠳᠡ ᠶᠢ ᠲᠦᠯᠬᠢᠨ ᠠᠬᠢᠭᠤᠯᠤᠨ᠎ᠡ᠃ ᠵᠤᠬᠢᠴᠠᠩᠭᠤᠢ | ᠴᠤᠭᠯᠠᠷᠠᠯ ᠤᠨ ᠬᠦᠭᠵᠢᠯᠳᠡ ᠶᠢ ᠪᠠᠷᠢᠮᠳᠠᠯᠠᠨ᠎ᠡ᠃ ᠭᠤᠤᠯ ᠴᠤᠭᠴᠨ ᠶᠢᠨ ᠴᠢᠳᠡᠮᠵᠢ ᠶᠢᠨ ᠲᠤᠭᠤᠷᠢᠭ ᠤᠨ | ᠪᠠᠶᠢᠷᠢᠯᠠᠭᠤᠯᠤᠯᠲᠠ ᠶᠢ ᠲᠠᠭᠠᠬᠤ ᠶᠢ ᠴᠢᠩᠭ᠎ᠠ ᠵᠢᠷᠤᠮᠯᠠᠵᠦ᠂ ᠰᠢᠨ᠎ᠡ ᠬᠡᠯᠪᠡᠷᠢ ᠶᠢᠨ ᠬᠤᠳᠡ ᠪᠠᠯᠭᠠᠰᠦᠵᠢᠯᠳᠡ ᠪᠤᠯᠤᠨ | ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢ ᠨᠢᠭᠡᠳᠦᠯᠳᠡᠢ ᠲᠦᠯᠦᠪᠯᠡᠵᠦ᠂ ᠠᠵᠤ | ᠦᠢᠯᠡᠰ ᠤᠨ ᠴᠤᠭᠯᠠᠷᠠᠯ ᠢ ᠠᠬᠢᠭᠤᠯᠤᠨ᠂ ᠬᠦᠮᠦᠨ ᠠᠮᠨ ᠶᠢ ᠬᠠᠷᠢᠴᠠᠩᠭᠤᠢ ᠲᠦᠪᠯᠡᠷᠡᠭᠦᠯᠦᠨ᠂ ᠬᠤᠳᠡ ᠬᠦᠳᠡᠭᠡ | ᠶᠢ ᠨᠢᠭᠡ ᠴᠤᠭᠴᠠᠵᠢᠭᠤᠯᠤᠭᠰᠠᠨ ᠬᠦᠭᠵᠢᠯᠳᠡ ᠪᠠ ᠤᠷᠤᠨ ᠨᠤᠳᠤᠭ ᠤᠨ ᠵᠤᠬᠢᠴᠠᠩᠭᠤᠢ ᠬᠦᠭᠵᠢᠬᠦ ᠤᠯᠤᠰ ᠤᠨ | ᠭᠠᠵᠠᠷ ᠰᠢᠷᠦᠢ ᠶᠢᠨ ᠰᠢᠨ᠎ᠡ ᠤᠷᠤᠨ ᠵᠠᠢ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ᠪᠤᠬᠢᠷᠳᠦᠯ ᠦᠭᠡᠢ ᠲᠤᠤᠷ᠎ᠡ | ᠨᠡᠭᠦᠷᠡᠰᠦᠳᠦ᠋ᠷᠦᠭᠴᠢᠳᠦ ᠬᠦᠭᠵᠢᠯᠳᠡ ᠶᠢ ᠪᠠᠷᠢᠮᠳᠠᠯᠠᠨ᠎ᠡ᠃ ᠠᠮᠢ ᠠᠬᠤᠢ ᠶᠢᠨ ᠪᠤᠯᠪᠠᠰᠦᠨ ᠤ ᠪᠠᠶᠢᠭᠤᠯᠤᠯᠳᠠ ᠶᠢ ᠨᠡᠩ | ᠲᠤᠪᠦᠶᠢᠮ᠎ᠡ ᠪᠠᠶᠢᠷᠢᠨ ᠳᠤ ᠲᠠᠯᠪᠢᠵᠦ᠂ ᠪᠤᠬᠢᠷᠳᠦᠯ ᠦᠭᠡᠢ᠂ ᠡᠷᠬᠢᠯᠳᠡᠳᠦ᠂ ᠲᠤᠤᠷ᠎ᠡ ᠨᠡᠭᠦᠷᠡᠰᠦᠳᠦᠷᠦᠭᠴᠢᠳᠦ | ᠦᠢᠯᠡᠳᠪᠤᠷᠢᠯᠡᠯ ᠤᠨ ᠬᠡᠯᠪᠡᠷᠢ ᠶᠢ ᠬᠦᠨᠵᠡᠭᠡᠢ ᠠᠬᠢᠭᠤᠯᠵᠦ᠂ ᠠᠷᠪᠢᠯᠡᠨ ᠭᠠᠮᠨᠠᠬᠤ᠂ ᠡᠷᠡᠭᠦᠯ ᠴᠢᠬᠢᠷᠠᠭ᠂ ᠤᠷᠴᠢᠨ | ᠲᠤᠭᠤᠷᠢᠨ ᠤ ᠠᠮᠢᠳᠦᠷᠡᠯ ᠤᠨ ᠤᠬᠠᠮᠰᠠᠷ ᠲᠠᠨᠢᠯᠳᠡ ᠶᠢ ᠢᠳᠡᠪᠬᠢᠳᠡᠢ ᠰᠠᠨᠠᠭᠠᠴᠢᠯᠡᠵᠦ᠂ ᠠᠮᠢ ᠠᠬᠤᠢ ᠤᠷᠴᠢᠨ | ᠲᠤᠭᠤᠷᠢᠨ ᠤ ᠵᠠᠰᠠᠯᠳᠡ ᠶᠢ ᠴᠢᠩᠭᠠᠳᠬᠠᠵᠦ᠂ ᠡᠬᠢ ᠪᠡᠶᠡᠯᠢᠭ᠋ ᠢ ᠶᠠᠷᠤᠩᠬᠡᠶᠢᠯᠡᠨ ᠠᠰᠢᠭᠯᠠᠵᠦ᠂ ᠦᠷᠭᠦᠯᠵᠢᠯᠡᠬᠦᠶᠢᠴᠡ | ᠬᠦᠭᠵᠢᠯᠳᠡ ᠶᠢ ᠪᠡᠶᠡᠯᠡᠭᠦᠯᠦᠨ᠎ᠡ᠃ ᠨᠡᠭᠡᠭᠡᠯᠳᠡ ᠲᠠᠢ ᠬᠠᠮᠳᠤᠷᠠᠨ ᠠᠵᠢᠯᠯᠠᠬᠤ ᠬᠦᠭᠵᠢᠯᠳᠡ ᠶᠢ ᠪᠠᠷᠢᠮᠳᠠᠯᠠᠨ᠎ᠡ᠃ ᠨᠡᠩ | ᠰᠡᠶᠢᠨ ᠨᠡᠭᠡᠭᠡᠯᠳᠡ ᠬᠢᠬᠦ ᠤᠪᠤᠷ ᠢᠶᠠᠷ ᠤᠯᠤᠰ ᠤᠨ ︽ᠨᠢᠭᠡ ᠪᠦᠰᠨ ᠨᠢᠭᠡ ᠵᠠᠮ︾᠂ ᠪᠡᠭᠡᠵᠢᠩ ᠲᠢᠶᠠᠠᠵᠢᠨ | ᠡᠾᠧᠪᠸᠢ ᠲᠠᠢ ᠬᠠᠮᠳᠤᠪᠠᠷ ᠬᠦᠭᠵᠢᠬᠦ ᠲᠤᠮᠳᠠ ᠠᠭᠤᠰᠤᠯᠴᠡᠨ᠂ ᠦᠪᠡᠷ ᠤᠨ ᠲᠠᠪᠠᠭᠤᠯᠢᠭ ᠪᠤᠯᠤᠨ ᠡᠳᠡᠭᠡᠷ ᠭᠠᠵᠠᠷ | ᠤᠷᠤᠨ ᠤ ᠬᠡᠷᠡᠭᠴᠡᠭᠡ ᠶᠢ ᠴᠢᠩᠭ᠎ᠠ ᠡᠵᠡᠮᠰᠢᠨ᠂ ᠵᠤᠬᠢᠴᠠᠩᠭᠤᠢ ᠬᠦᠭᠵᠢᠬᠦ ︽ᠤᠶᠠᠯᠳᠦᠯ ᠤᠨ ᠴᠡᠭ︾ ᠢ | ᠤᠨᠤᠪᠴᠢᠳᠡᠢ ᠡᠵᠡᠮᠳᠡᠨ᠎ᠡ᠃ ᠬᠤᠶᠠᠷ ᠡᠬᠢ ᠪᠡᠶᠡᠯᠢᠭ᠋ ᠪᠤᠯᠤᠨ ᠬᠤᠶᠠᠷ ᠵᠠᠬ᠎ᠠ ᠲᠡᠯᠭᠡᠭᠦᠷ ᠢ ᠬᠦᠢᠴᠡᠳ ᠠᠰᠢᠭᠯᠠᠵᠦ᠂ | ᠭᠠᠳᠠᠭᠰᠢ ᠬᠤᠷᠰᠢᠨ ᠠᠵᠢᠯᠯᠠᠬᠤ ᠶᠢ ᠴᠢᠩᠭᠠᠳᠬᠠᠨ᠂ ᠠᠷᠠᠯᠵᠢᠶᠠᠴᠢᠨ ᠤᠷᠢᠵᠦ ᠪᠡᠯᠨ ᠲᠠᠳᠠᠬᠤ ᠠᠵᠢᠯ ᠳᠤ ᠰᠢᠨ᠎ᠡ | ᠰᠢᠪᠳᠤᠯᠤᠯᠳᠡ ᠶᠢ ᠪᠡᠶᠡᠯᠡᠭᠦᠯᠦᠨ᠎ᠡ᠃ ᠡᠶ᠎ᠡ ᠨᠠᠶᠢᠷᠠᠮᠳᠠᠭᠤ ᠬᠠᠮᠳᠤ ᠪᠠᠷ ᠡᠳ᠋ᠯᠡᠬᠦ ᠬᠦᠭᠵᠢᠯᠳᠡ ᠶᠢ ᠪᠠᠷᠢᠮᠳᠠᠯᠠᠨ᠎ᠡ᠃ | ᠤᠷᠤᠯᠭ᠎ᠠ ᠶᠢᠨ ᠬᠤᠪᠢᠶᠠᠷᠢᠯᠡᠯᠳᠡ ᠶᠢᠨ ᠪᠠᠶᠢᠷᠢᠰᠢᠭᠤᠯᠤᠯᠳᠠ ᠪᠤᠯᠤᠨ ᠵᠤᠬᠢᠴᠠᠭᠤᠯᠬᠤ ᠲᠤᠭᠳᠠᠯᠴᠠᠭ᠎ᠠ ᠶᠢ | ᠪᠦᠷᠢᠨᠰᠢᠭᠦᠯᠵᠦ᠂ ᠦᠨᠳᠦᠰᠦᠨ ᠤᠯᠡᠨ ᠨᠡᠶᠢᠳᠡ ᠶᠢᠨ ᠦᠢᠯᠡᠴᠢᠯᠡᠭᠡ ᠶᠢ ᠬᠠᠮᠳᠦ ᠪᠠᠷ ᠪᠠᠶᠢᠭᠤᠯᠤᠨ ᠬᠠᠮᠳᠤ ᠪᠠᠷ | ᠡᠳᠡᠯᠬᠦ ᠶᠢ ᠠᠬᠢᠭᠤᠯᠵᠦ᠂ ᠵᠠᠬ᠎ᠠ ᠲᠡᠯᠭᠡᠭᠦᠷ ᠢ ᠨᠢᠭᠡ ᠴᠤᠭᠴᠠᠵᠢᠭᠤᠯᠬᠤ ᠶᠢ ᠲᠦᠷᠭᠡᠳᠭᠡᠵᠦ᠂ ᠨᠡᠶᠢᠭᠡᠮ ᠤᠨ ᠵᠠᠰᠠᠯᠳᠠ | ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠨᠡᠶᠢᠭᠡᠮ ᠤᠨ ᠭᠤᠤᠯᠴᠢ᠂ ᠰᠢᠳᠦᠷᠭᠤ ᠶᠤᠰᠦ ᠶᠢ ᠠᠬᠢᠭᠤᠯᠵᠦ᠂ | ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ ᠬᠦᠭᠵᠢᠯᠳᠡ ᠶᠢᠨ ᠶᠠᠪᠤᠴᠨ ᠳᠤ ᠨᠡᠩ ᠦᠷᠭᠡᠨ | ᠢᠶᠠᠷ ᠤᠷᠤᠯᠴᠠᠭᠤᠯᠵᠦ᠂ ᠬᠦᠭᠵᠢᠯᠳᠡ ᠶᠢᠨ ᠦᠷ᠎ᠡ ᠪᠦᠳᠦᠭᠡᠯ ᠢ ᠨᠡᠩ ᠭᠤᠤᠯᠴᠢ ᠪᠠᠷ ᠡᠳ᠋ᠯᠡᠭᠦᠯᠦᠨ᠎ᠡ᠃ | ᠤᠨᠴᠠᠯᠢᠭᠳᠦ ᠤᠯᠡᠨ ᠶᠠᠩᠵᠤᠳᠦ ᠬᠦᠭᠵᠢᠯᠳᠡ ᠶᠢ ᠪᠠᠷᠢᠮᠳᠠᠯᠡᠨᠡ᠃ ᠪᠤᠬᠢᠷᠳᠦᠯ ᠦᠭᠡᠢ ᠮᠠᠯ ᠲᠠᠷᠢᠶᠠᠯᠡᠩ ᠤᠨ | ᠪᠦᠳᠦᠭᠡᠭᠳᠡᠭᠦᠨ ᠢ ᠦᠢᠯᠡᠳᠪᠤᠷᠢᠯᠡᠵᠦ ᠪᠤᠯᠪᠠᠰᠤᠷᠠᠭᠤᠯᠬᠤ᠂ ᠴᠡᠪᠡᠷ ᠡᠨᠧᠷᠬᠢ᠂ ᠳᠤᠨᠤᠭ ᠲᠦᠭᠦᠭᠡᠷᠦᠮᠵᠢ | ᠦᠢᠯᠡᠳᠪᠤᠷᠢᠯᠡᠬᠦ᠂ ᠠᠭᠤᠷᠬᠠᠢ ᠰᠤᠩᠭᠤᠬᠤ ᠲᠡᠮᠦᠷᠯᠢᠭ ᠪᠤᠯᠪᠠᠰᠤᠷᠠᠭᠤᠯᠬᠤ᠂ ᠰᠢᠨ᠎ᠡ ᠭᠡᠯᠪᠡᠷᠢ ᠶᠢᠨ ᠪᠦᠳᠦᠭᠡᠨ | ᠪᠠᠶᠢᠭᠤᠯᠤᠯᠳᠠ ᠶᠢᠨ ᠮᠠᠲ᠋ᠧᠷᠢᠶᠠᠯ᠂ ᠲᠠᠯ᠎ᠡ ᠨᠤᠳᠤᠭ ᠤᠨ ᠰᠤᠶᠤᠯ ᠵᠤᠭᠠᠴᠡᠯ ᠵᠡᠷᠭᠡ ᠲᠠᠪᠠᠭᠤᠯᠢᠭ ᠤᠨᠴᠠᠯᠢᠭᠳᠦ ᠠᠵᠤ | ᠦᠢᠯᠡᠰ ᠢ ᠪᠦᠢᠵᠢᠭᠤᠯᠤᠨ ᠪᠤᠵᠠᠭᠠᠶᠢᠷᠠᠭᠤᠯᠵᠦ᠂ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠎ᠡ᠃ | ᠦᠢᠯᠡᠳᠪᠦᠷᠢᠯᠡᠯ ᠤᠨ ᠴᠢᠨᠡᠷᠳᠡᠢ ᠦᠢᠯᠡᠴᠢᠯᠡᠭᠡᠨ ᠤ ᠦᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠡᠢ ᠰᠢᠨ᠎ᠡ | ᠬᠡᠯᠪᠡᠷᠢ ᠶᠢᠨ ᠠᠵᠤ ᠦᠢᠯᠡᠰ ᠢ ᠢᠳᠡᠪᠬᠢᠳᠡᠢ ᠬᠦᠭᠵᠢᠭᠦᠯᠵᠦ᠂ ᠤᠯᠠᠮᠵᠢᠯᠠᠯᠳᠦ ᠠᠵᠤ ᠦᠢᠯᠡᠰ ᠢ ᠰᠢᠨ᠎ᠡ | ᠬᠡᠯᠪᠡᠷᠴᠢᠯᠡᠬᠦ᠂ ᠰᠢᠨ᠎ᠡ ᠬᠡᠯᠪᠡᠷᠢ ᠶᠢᠨ ᠠᠵᠤ ᠦᠢᠯᠡᠰ ᠢ ᠭᠡᠪᠴᠢᠶᠡᠵᠢᠭᠦᠯᠬᠦ ᠶᠢ ᠪᠡᠶᠡᠯᠡᠭᠦᠯᠵᠦ᠂ ᠲᠤᠯᠭᠠᠭᠤᠷᠢ ᠠᠵᠤ | ᠦᠢᠯᠡᠰ ᠢ ᠤᠯᠡᠨ ᠡᠰᠢᠵᠢᠭᠦᠯᠦᠨᠡ᠃ | 2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠬᠡᠷᠡᠭᠵᠢᠭᠦᠯᠬᠦ | ᠡᠬᠢᠯᠡᠯᠳᠡ ᠶᠢᠨ ᠵᠢᠯ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠵᠠᠩᠬᠢᠯᠠᠭ᠎ᠠ ᠶᠢᠨ ᠵᠢᠯ᠂ ᠴᠢᠨᠡᠭᠡᠯᠢᠭ | ᠨᠡᠶᠢᠭᠡᠮ ᠢ ᠪᠦᠬᠦ ᠲᠠᠯ᠎ᠡ ᠪᠠᠷ ᠪᠡᠶᠡᠯᠡᠭᠦᠯᠬᠦ ᠶᠢᠨ ᠢᠯᠡᠯᠳᠡ ᠤᠯᠬᠤ ᠰᠶᠢᠳᠪᠤᠷᠢᠳᠦ ᠬᠤᠭᠤᠴᠠᠭᠠᠨ ᠤ ᠡᠬᠢᠯᠡᠯᠳᠡ ᠶᠢᠨ | ᠵᠢᠯ ᠪᠤᠯᠤᠨ᠎ᠡ᠃ ᠡᠨᠡ ᠵᠢᠯ ᠤᠨ ᠡᠯ᠎ᠡ ᠲᠦᠷᠦᠯ ᠤᠨ ᠠᠵᠢᠯ ᠢ ᠰᠡᠶᠢᠳᠦᠷ ᠬᠢᠬᠦ ᠨᠢ᠂ ᠠᠵᠤ ᠠᠬᠤᠢ ᠶᠢᠨ | ᠲᠤᠭᠳᠠᠭᠤᠨ ᠢᠶᠠᠷ ᠲᠦᠷᠭᠡᠨ ᠬᠦᠭᠵᠢᠬᠦ ᠪᠤᠯᠤᠨ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ | ᠶᠢ ᠤᠷᠤᠭᠰᠢᠳᠡᠢ ᠡᠬᠢᠯᠡᠭᠦᠯᠬᠦ ᠳᠤ ᠴᠢᠬᠤᠯᠨ ᠠᠴᠢ ᠬᠤᠯᠪᠤᠭᠳᠠᠯ ᠲᠠᠢ ᠶᠤᠮ᠃ ᠢᠢᠮᠤ ᠠᠴᠠ ᠪᠢᠳᠡ ᠦᠵᠡᠯ ᠰᠠᠨᠠᠭ᠎ᠠ | ᠪᠠᠨ ᠤᠯᠠᠮ ᠨᠢᠭᠡᠳᠭᠡᠵᠦ᠂ ᠴᠠᠭ ᠤᠨ ᠪᠠᠶᠢᠳᠡᠯ ᠢ ᠤᠨᠤᠪᠴᠢᠳᠡᠢ ᠡᠵᠡᠮᠰᠢᠵᠦ᠂ ᠢᠳᠡᠭᠡᠯ ᠵᠤᠷᠢᠭ ᠢᠶᠠᠨ ᠪᠠᠳᠤᠳᠬᠠᠵᠦ᠂ | ᠠᠵᠨ ᠲᠤᠬᠢᠶᠠᠯ ᠢ ᠠᠳᠬᠤᠵᠦ᠂ ᠭᠤᠤᠯᠳᠠᠯᠭ᠎ᠠ ᠶᠢ ᠲᠤᠪᠦᠶᠢᠯᠭᠠᠵᠦ᠂ ᠬᠦᠴᠢᠷ ᠲᠦᠪᠡᠭᠳᠡᠢ ᠠᠰᠠᠭᠤᠳᠡᠯ ᠢ | ᠰᠶᠢᠳᠪᠤᠷᠢᠯᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠮᠦᠷᠳᠡᠭᠡᠨ ᠲᠦᠷᠭᠡᠨ ᠬᠦᠭᠵᠢᠯᠳᠡ | ᠶᠢᠨ ᠰᠡᠶᠢᠨ ᠪᠠᠶᠢᠳᠡᠯ ᠢ ᠴᠢᠷᠮᠠᠶᠢᠨ ᠪᠠᠳᠤᠯᠠᠬᠤ ᠬᠡᠷᠡᠭᠳᠡᠢ᠃ ᠡᠨᠡ ᠵᠢᠯ ᠤᠨ ᠠᠵᠤ ᠠᠬᠤᠢ ᠶᠢᠨ ᠨᠡᠶᠢᠭᠡᠮ ᠤᠨ | ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠡ ᠪᠤᠯ᠄ ᠤᠷᠤᠨ ᠨᠤᠲᠤᠭ ᠤᠨ ᠦᠢᠯᠡᠳᠪᠤᠷᠢᠯᠡᠯ ᠤᠨ ᠶᠠᠷᠤᠩᠬᠡᠢ | ᠦᠷᠳᠡᠭ ᠢ 33.6 ᠳ᠋ᠦᠩᠰᠢᠭᠤᠷ ᠲᠦᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠠᠴᠠ 10.8% ᠪᠠᠷ | ᠨᠡᠮᠡᠭᠳᠡᠭᠦᠯᠦᠨ᠎ᠡ︔ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 5.2 ᠳ᠋ᠦᠩᠰᠢᠭᠤᠷ | ᠲᠦᠭᠦᠷᠢᠭ ᠲᠤ ᠬᠦᠷᠭᠡᠵᠦ᠂ 5.1% ᠪᠠᠷ ᠨᠡᠮᠡᠭᠳᠡᠭᠦᠯᠦᠨ᠎ᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠦᠷᠳᠡᠭ ᠢ 16.6 ᠳ᠋ᠦᠩᠰᠢᠭᠤᠷ ᠲᠦᠭᠦᠷᠢᠭ ᠲᠤ ᠬᠦᠷᠭᠡᠵᠦ᠂ 11.4% ᠪᠠᠷ ᠨᠡᠮᠡᠭᠳᠡᠭᠦᠯᠦᠨ᠎ᠡ︔ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ ᠦᠷᠳᠡᠭ ᠢ 11.8 ᠳ᠋ᠦᠩᠰᠢᠭᠤᠷ ᠲᠦᠭᠦᠷᠢᠭ ᠲᠤ ᠬᠦᠷᠭᠡᠵᠦ᠂ 9.7% ᠪᠠᠷ | ᠨᠡᠮᠡᠭᠳᠡᠭᠦᠯᠦᠨ᠎ᠡ︔ ᠤᠯᠡᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 1.36 ᠳ᠋ᠦᠩᠰᠢᠭᠤᠷ | ᠲᠦᠭᠦᠷᠢᠭ ᠲᠤ ᠬᠦᠷᠭᠡᠵᠦ᠂ 11.0% ᠪᠠᠷ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ | ᠪᠡᠯᠨ ᠤᠷᠤᠭᠤᠯᠤᠯᠳᠠ ᠶᠢ 28.2 ᠳ᠋ᠦᠩᠰᠢᠭᠤᠷ ᠲᠦᠭᠦᠷᠢᠭ ᠪᠡᠶᠡᠯᠡᠭᠦᠯᠵᠦ᠂ 20.5% ᠪᠠᠷ ᠨᠡᠮᠡᠭᠳᠡᠭᠦᠯᠦᠨ᠎ᠡ︔ | ᠬᠤᠳᠡ ᠬᠦᠳᠡᠭᠡ ᠶᠢᠨ ᠪᠠᠶᠢᠩᠭᠤ ᠰᠠᠭᠤᠭ᠎ᠠ ᠬᠦᠮᠦᠨ ᠪᠦᠷᠢ ᠶᠢᠨ ᠲᠤᠮᠳᠠᠴᠢ ᠡᠵᠡᠮᠰᠢᠵᠦ ᠪᠤᠯᠬᠤ ᠤᠷᠤᠯᠭ᠎ᠠ ᠶᠢ ᠲᠤᠰ | ᠪᠦᠷᠢ 30100 ᠲᠦᠭᠦᠷᠢᠭ ᠪᠤᠯᠤᠨ 9100 ᠲᠦᠭᠦᠷᠢᠭ ᠪᠡᠶᠡᠯᠡᠭᠦᠯᠵᠦ᠂ ᠲᠤᠰ ᠪᠦᠷᠢ 10.0 % ᠪᠤᠯᠤᠨ 10. | 4% ᠪᠠᠷ ᠨᠡᠮᠡᠭᠳᠡᠭᠦᠯᠦᠨ᠎ᠡ︔ ᠨᠡᠶᠢᠭᠡᠮ ᠤᠨ ᠭᠡᠷᠡᠭᠯᠡᠭᠡᠨ ᠤ ᠲᠠᠸᠠᠷ ᠢ ᠵᠢᠵᠢᠭᠯᠡᠨ ᠬᠤᠳᠠᠯᠳᠤᠬᠤ ᠶᠠᠷᠤᠩᠬᠡᠢ ᠦᠷᠳᠡᠭ | ᠢ 8.5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 10.4% ᠪᠠᠷ ᠨᠡᠮᠡᠭᠳᠡᠭᠦᠯᠦᠨ᠎ᠡ᠃ | ᠡᠳᠡᠭᠡᠷ ᠬᠦᠢᠴᠡᠳᠭᠡᠬᠦ ᠲᠤᠭ᠎ᠠ ᠶᠢ ᠪᠤᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠠᠴᠠ | ᠬᠤᠰᠢᠭᠤᠨ ᠤ ᠦᠨᠳᠦᠰᠦᠨ ᠪᠠᠶᠢᠳᠡᠯ ᠳᠤ ᠴᠢᠭᠯᠡᠭᠦᠯᠦᠨ ᠬᠦᠭᠵᠢᠯᠳᠡ ᠶᠢᠨ ᠲᠠᠯᠳᠠ ᠬᠦᠴᠦᠨ᠂ ᠠᠵᠤ ᠦᠢᠯᠡᠰ ᠤᠨ | ᠰᠠᠭᠤᠷᠢ᠂ ᠲᠦᠷᠦᠯ ᠵᠦᠢᠯ ᠤᠨ ᠪᠠᠶᠢᠭᠤᠯᠤᠯᠳᠠ ᠵᠡᠷᠭᠡ ᠰᠢᠯᠳᠠᠭᠠᠨ ᠢ ᠬᠦᠢᠴᠡᠳ ᠪᠤᠳᠤᠯᠬᠢᠯᠡᠵᠦ᠂ ᠬᠢᠨᠠᠮᠠᠭᠠᠢ | ᠰᠤᠳᠤᠯᠤᠨ ᠶᠠᠷᠢᠯᠴᠠᠭᠰᠠᠨ ᠤ ᠲᠠᠷᠠᠭ᠎ᠠ ᠲᠤᠭᠳᠠᠭᠠᠭᠰᠠᠨ ᠶᠤᠮ᠃ 2016 ᠤᠨ ᠪᠤᠯ ᠮᠠᠨ ᠤ ᠬᠤᠰᠢᠭᠤᠨ ᠤ ᠨᠢᠭᠡ | ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠲᠡᠳᠡᠨ ᠤᠷᠤᠭᠤᠯᠵᠦ ᠲᠦᠪᠯᠡᠷᠡᠭᠦᠯᠦᠨ ᠪᠦᠳᠦᠭᠡᠨ ᠪᠠᠶᠢᠭᠤᠯᠬᠤ | ᠬᠤᠭᠤᠴᠠᠭ᠎ᠠ ᠪᠠᠶᠢᠵᠦ᠂ 2017 ᠤᠨ ᠪᠤᠯᠬᠤ ᠳᠤ ᠡᠯ᠎ᠡ ᠲᠦᠷᠦᠯ ᠵᠦᠢᠯ ᠤᠨ ᠵᠠᠯᠭᠠᠪᠡᠷ ᠪᠠᠶᠢᠭᠤᠯᠤᠭᠳᠠᠵᠦ᠂ | ᠦᠢᠯᠡᠳᠪᠦᠷᠢᠯᠡᠯ ᠤᠨ ᠨᠤᠷᠮ᠎ᠡ ᠪᠠ ᠦᠷ᠎ᠡ ᠠᠰᠢᠭ ᠢᠶᠠᠨ ᠪᠡᠶᠡᠯᠡᠭᠦᠯᠬᠦ ᠶᠢ ᠲᠠᠭᠠᠯᠳᠦᠨ᠂ ᠮᠠᠨ ᠤ ᠬᠤᠰᠢᠭᠤᠨ ᠤ ᠠᠵᠤ | ᠠᠬᠤᠢ ᠶᠢᠨ ᠲᠦᠷᠭᠡᠨ ᠬᠦᠭᠵᠢᠯᠳᠡ ᠶᠢ ᠬᠦᠴᠦᠳᠡᠢ ᠠᠬᠢᠭᠤᠯᠵᠦ᠂ ᠭᠠᠵᠠᠷ ᠤᠷᠤᠨ ᠤ ᠦᠯᠡᠳᠪᠦᠷᠢᠯᠡᠯ ᠤᠨ | ᠶᠡᠷᠤᠩᠬᠡᠢ ᠦᠷᠳᠡᠭ ᠨᠢ ᠨᠡᠯᠢᠶᠡᠳ ᠬᠤᠷᠳᠦᠨ ᠨᠡᠮᠡᠭᠳᠡᠯ ᠢ ᠪᠡᠶᠡᠯᠡᠭᠦᠯᠵᠦ᠂ ᠡᠭᠦᠨ ᠢᠶᠠᠷ ᠳᠠᠮᠵᠢᠵᠤ ︽ᠠᠷᠪᠡᠨ | ᠭᠤᠷᠪᠠᠳᠤᠭᠠᠷ ᠲᠠᠪᠤᠨ ᠵᠢᠯ︾ ᠤᠨ ᠬᠦᠭᠵᠢᠯᠳᠡ ᠶᠢᠨ ᠬᠠᠷᠠᠯᠳᠡ ᠪᠠᠨ ᠠᠮᠵᠢᠯᠳᠡ ᠲᠠᠢ ᠪᠡᠶᠡᠯᠡᠭᠦᠯᠦᠨ᠎ᠡ᠃ | ᠲᠡᠭᠡᠷ᠎ᠡ ᠲᠤᠷᠠᠳᠤᠭᠰᠠᠨ ᠬᠠᠷᠠᠯᠳᠠ ᠶᠢᠨ ᠲᠤᠭᠤᠷᠢᠨ ᠳᠤ᠂ ᠲᠤᠤᠷᠠᠬᠢ ᠲᠤᠯᠤᠭᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠠᠬᠢᠭᠤᠯᠤᠨ᠎ᠡ᠄ | ︵ᠨᠢᠭᠡ︶ ᠲᠦᠷᠦᠯ ᠵᠦᠢᠯ ᠢ ᠠᠳᠬᠤᠵᠦ᠂ ᠪᠡᠯᠨ ᠤᠷᠤᠭᠤᠯᠤᠯᠳᠠ ᠶᠢ ᠠᠬᠢᠭᠤᠯᠬᠤ ᠪᠠᠷ ᠭᠤᠤᠯᠳᠠᠯᠭ᠎ᠠ | ᠪᠤᠯᠭᠠᠵᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠡ | — — ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠤᠨ᠎ᠠ᠃ ᠤᠯᠤᠰ | ᠤᠨ ᠬᠤᠷᠸ᠎ᠠ ᠲᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠪᠤᠯᠤᠨ ᠠᠵᠤ ᠦᠢᠯᠡᠰ ᠤᠨ ᠬᠦᠭᠵᠢᠯᠳᠡ ᠶᠢᠨ | ᠵᠢᠯᠤᠭᠤᠳᠤᠮᠵᠢ ᠶᠢ ᠬᠦᠨᠵᠡᠭᠡᠢ ᠰᠤᠳᠦᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠬᠦᠮᠦᠷᠭᠡ ᠶᠢ | ᠲᠡᠭᠦᠯᠳᠡᠷᠵᠢᠭᠦᠯᠵᠦ᠂ ᠨᠢᠭᠡ ᠪᠦᠯᠦᠭ ᠲᠠᠪᠠᠭᠤᠯᠢᠭ ᠢᠶᠠᠷ ᠲᠤᠪᠦᠶᠢᠮ᠎ᠡ᠂ ᠤᠨᠴᠠᠯᠢᠭ ᠢᠶᠠᠷ ᠲᠤᠳᠤ᠂ ᠵᠠᠬ᠎ᠠ ᠲᠠᠯᠭᠡᠭᠦᠷ | ᠤᠨ ᠢᠷᠡᠭᠡᠳᠦᠢ ᠲᠠᠢ ᠲᠤᠮᠤ ᠲᠦᠷᠦᠯ ᠵᠦᠢᠯ ᠢ ᠲᠦᠰᠦᠪᠯᠡᠵᠦ᠂ ᠲᠡᠭᠡᠳᠦ ᠱᠠᠳᠦᠨ ᠠᠴᠠ ᠢᠳᠡᠪᠬᠢᠳᠡᠢ ᠪᠠᠷ | ᠭᠤᠶᠤᠴᠢᠯᠡᠨ ᠮᠡᠳᠡᠭᠦᠯᠵᠦ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠪᠡᠯᠨ ᠤᠷᠤᠭᠤᠯᠤᠯᠳᠠ ᠶᠢᠨ ᠭᠡᠪᠴᠢᠶᠡᠨ | ᠳᠤ ᠤᠷᠤᠭᠤᠯᠬᠤ ᠪᠠᠷ ᠴᠢᠷᠮᠠᠶᠢᠨ᠎ᠡ᠃ ᠪᠦᠬᠦ ᠵᠢᠯ ᠳᠤ 500 ᠲᠦᠮᠡᠨ ᠲᠦᠭᠦᠷᠢᠭ ᠠᠴᠠ ᠲᠡᠭᠡᠭᠰᠢ ᠲᠤᠭᠳᠠᠮᠠᠯ | ᠬᠦᠷᠦᠩᠭᠡ ᠶᠢᠨ ᠪᠡᠯᠨ ᠤᠷᠤᠭᠤᠯᠤᠯᠳᠠ ᠶᠢᠨ 57 ᠲᠦᠷᠦᠯ ᠵᠦᠢᠯ ᠢ ᠬᠡᠷᠡᠭᠵᠢᠭᠦᠯᠵᠦ᠂ ᠠᠶᠢᠮᠠᠭ ᠤᠨ ᠲᠡᠰ ᠤᠨ 4 | ᠭᠤᠤᠯᠳᠠᠯᠭ᠎ᠠ ᠲᠠᠢ ᠲᠦᠷᠦᠯ ᠵᠦᠢᠯ ᠪᠤᠯᠤᠨ ᠬᠤᠰᠢᠭᠤ ᠱᠠᠳᠦᠨ ᠤ 15 ᠭᠤᠤᠯᠳᠠᠯᠭ᠎ᠠ ᠲᠠᠢ ᠲᠦᠷᠦᠯ ᠵᠦᠢᠯ ᠢ | ᠲᠤᠪᠦᠶᠢᠮ᠎ᠡ ᠠᠳᠬᠤᠨ᠎ᠡ᠃ ᠭᠤᠤᠯᠳᠠᠯᠭ᠎ᠠ ᠲᠠᠢ ᠲᠦᠷᠦᠯ ᠵᠦᠢᠯ ᠢ ᠬᠤᠰᠢᠭᠤ ᠱᠠᠳᠦᠨ ᠤ ᠤᠳᠦᠷᠢᠳᠤᠯᠭ᠎ᠠ ᠠᠴᠠ | ᠬᠠᠷᠢᠯᠴᠠᠬᠤ᠂ ᠰᠠᠯᠠᠭ᠎ᠠ ᠮᠦᠴᠢᠷ ᠠᠴᠠ ᠲᠠᠭᠠᠵᠦ ᠦᠢᠯᠡᠴᠢᠯᠡᠬᠦ᠂ ᠲᠦᠷᠦᠯ ᠵᠦᠢᠯ ᠤᠨ ᠨᠠᠷᠢᠨ ᠪᠡᠴᠢᠭᠡᠴᠢ ᠶᠢᠨ | ᠲᠦᠷᠢᠮ ᠬᠢᠭᠡᠳ ᠬᠤᠰᠢᠭᠤ᠂ ᠰᠠᠯᠠᠭ᠎ᠠ ᠮᠦᠴᠢᠷ᠂ ᠠᠵᠤ ᠠᠬᠤᠶᠢᠯᠡᠯ ︽1 +1 +1︾ ᠶᠢᠨ ᠠᠵᠢᠯᠯᠠᠬᠤ | ᠲᠤᠭᠳᠠᠴᠨ ᠶᠢ ᠦᠷᠭᠦᠯᠵᠢᠯᠡᠨ ᠬᠡᠷᠡᠭᠵᠢᠭᠦᠯᠵᠦ᠂ ᠲᠤᠬᠢᠷᠠᠭᠤᠯᠤᠯᠳᠠ᠂ ᠦᠢᠯᠡᠴᠢᠯᠡᠭᠡ ᠪᠤᠯᠤᠨ ᠲᠤᠬᠢᠷᠠᠭᠤᠯᠬᠤ | ᠡᠷᠴᠢᠮ ᠢ ᠶᠡᠭᠡᠰᠭᠡᠵᠦ᠂ ᠲᠦᠷᠦᠯ ᠵᠦᠢᠯ ᠢ ᠲᠦᠯᠬᠢᠨ ᠠᠬᠢᠭᠤᠯᠬᠤ ᠲᠤᠮᠳᠠ ᠤᠷᠤᠰᠢᠵᠦ ᠪᠠᠶᠢᠭ᠎ᠠ ᠬᠦᠴᠢᠷ ᠪᠤᠯᠤᠨ | ᠠᠰᠠᠭᠤᠳᠡᠯ ᠢ ᠴᠠᠭ ᠲᠤᠬᠠᠢ ᠳᠤᠨᠢ ᠰᠶᠢᠳᠪᠤᠷᠢᠯᠡᠨ᠎ᠡ᠃ ᠪᠦᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠤᠨ | ᠠᠮᠵᠢᠯᠳᠠ ᠪᠦᠳᠦᠮᠵᠢ ᠶᠢ ᠱᠠᠭᠠᠷᠳᠡᠨ ᠪᠠᠶᠢᠴᠠᠭᠠᠵᠦ᠂ ᠬᠢᠨᠠᠨ ᠦᠨᠡᠯᠡᠬᠦ ᠠᠵᠢᠯ ᠲᠠᠢ ᠤᠶᠠᠯᠳᠤᠭᠤᠯᠵᠦ᠂ ᠠᠷᠪᠡᠨ | ᠡᠳᠦᠷ ᠲᠤ ᠲᠤᠬᠢᠷᠠᠭᠤᠯᠬᠤ᠂ ᠰᠠᠷ᠎ᠡ ᠪᠦᠷᠢ ᠮᠡᠳᠡᠭᠦᠯᠬᠦ᠂ ᠤᠯᠡᠷᠢᠯ ᠢᠶᠠᠷ ᠰᠢᠯᠭᠠᠨ ᠪᠠᠶᠢᠴᠠᠭᠠᠬᠤ᠂ ᠬᠠᠭᠠᠰ ᠵᠢᠯ | ᠪᠦᠭᠦᠯᠢ ᠵᠢᠯ ᠢᠶᠠᠷ ᠶᠠᠷᠤᠩᠬᠡᠶᠢᠯᠡᠨ ᠦᠨᠡᠯᠡᠨ ᠲᠤᠭᠳᠠᠭᠠᠬᠤ ᠬᠡᠯᠪᠡᠷᠢ ᠶᠢ ᠠᠪᠴᠦ᠂ ᠬᠠᠮᠢᠶ᠎ᠡ ᠪᠦᠭᠦᠢ ᠰᠠᠯᠠᠭ᠎ᠠ ᠮᠦᠴᠢᠷ | ᠪᠤᠯᠤᠨ ᠬᠠᠷᠢᠭᠤᠴᠠᠯᠭᠠᠳᠦ ᠬᠦᠮᠦᠨ ᠢ ᠱᠠᠭᠠᠷᠳᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠯᠬᠢᠨ | ᠠᠬᠢᠭᠤᠯᠵᠦ᠂ ᠲᠤᠭᠳᠠᠭᠰᠠᠨ ᠴᠠᠭ ᠲᠠᠭᠠᠨ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ᠃ | — — ᠪᠡᠯᠨ ᠮᠦᠩᠬᠦ ᠤᠷᠤᠭᠤᠯᠬᠤ ᠰᠢᠨ᠎ᠡ ᠬᠡᠯᠪᠡᠷᠢ ᠶᠢ ᠡᠭᠦᠳᠦᠨ᠎ᠡ᠃ ᠵᠠᠰᠠᠭ ᠤᠨ ᠤᠷᠳᠦᠨ ᠤ ᠪᠡᠯᠨ | ᠤᠷᠤᠭᠤᠯᠬᠤ ᠲᠡᠪᠴᠡᠩ ᠤᠨ ᠪᠠᠶᠢᠭᠤᠯᠤᠯᠳᠠ ᠶᠢ ᠴᠢᠩᠭ᠎ᠠ ᠠᠳᠬᠤᠵᠦ᠂ ᠪᠡᠯᠨ ᠤᠷᠤᠭᠤᠯᠬᠤ ᠭᠡᠪᠴᠢᠶ᠎ᠡ ᠪᠠᠨ | ᠦᠷᠭᠡᠳᠭᠡᠵᠦ᠂ ᠵᠠᠰᠠᠭ ᠤᠨ ᠤᠷᠳᠦᠨ ᠤ ᠪᠡᠯᠨ ᠤᠷᠤᠭᠤᠯᠬᠤ ᠬᠦᠳᠦᠯᠦᠨ ᠵᠢᠯᠤᠭᠤᠳᠬᠤ ᠦᠢᠯᠡᠳᠦᠯ ᠢ | ᠪᠠᠳᠠᠷᠠᠭᠤᠯᠤᠨ᠎ᠡ᠃ ᠵᠠᠰᠠᠭ ᠤᠨ ᠤᠷᠳᠦᠨ ᠪᠤᠯᠤᠨ ᠨᠡᠶᠢᠭᠡᠮ ᠤᠨ ᠬᠦᠷᠦᠩᠭᠡ ᠶᠢᠨ ᠬᠤᠷᠰᠢᠨ ᠠᠵᠢᠯᠯᠠᠬᠤ ᠵᠠᠭᠪᠤᠷ ᠢ | ᠲᠡᠭᠦᠯᠳᠡᠷᠵᠢᠭᠦᠯᠵᠦ᠂ PPP ᠶᠢ ᠬᠡᠷᠡᠭᠵᠢᠭᠦᠯᠬᠦ ᠵᠠᠭᠪᠤᠷ ᠤᠨ ᠰᠠᠭᠤᠷᠢ ᠲᠦᠭᠦᠭᠡᠷᠦᠮᠵᠢ ᠪᠤᠯᠤᠨ ᠨᠡᠶᠢᠳᠡ ᠶᠢᠨ | ᠠᠰᠠᠷᠡᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠤᠷᠤᠯᠴᠠᠬᠤ ᠶᠢ ᠰᠦᠪᠡᠭᠴᠢᠯᠡᠨ᠎ᠡ᠃ ︽ᠭᠠᠷᠴᠦ | ᠶᠠᠪᠤᠬᠤ ᠮᠦᠷᠳᠡᠭᠡᠨ ᠤᠷᠢᠨ ᠤᠷᠤᠭᠤᠯᠬᠤ︾ ᠶᠢ ᠪᠠᠷᠢᠮᠳᠠᠯᠠᠵᠦ᠂ ᠦᠪᠡᠷᠳᠡᠭᠡᠨ ᠵᠠᠰᠠᠬᠤ ᠤᠷᠤᠨ ᠪᠤᠯᠤᠨ ᠮᠠᠨ ᠤ | ᠠᠶᠢᠮᠠᠭ ᠤᠨ ᠡᠷᠬᠢᠯᠡᠭᠰᠡᠨ ᠲᠤᠮᠤ ᠬᠡᠯᠪᠡᠷᠢ ᠶᠢᠨ ᠠᠷᠠᠯᠵᠢᠶᠠᠴᠢᠨ ᠤᠷᠢᠵᠦ ᠪᠡᠯᠨ ᠲᠠᠳᠠᠬᠤ ᠠᠵᠢᠯᠯᠠᠭ᠎ᠠ ᠳᠤ | ᠢᠳᠡᠪᠬᠢᠳᠡᠢ ᠤᠷᠤᠯᠴᠠᠵᠦ᠂ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠤᠷᠤᠨ ᠤ ᠠᠵᠤ ᠦᠢᠯᠡᠰ ᠤᠨ | ᠰᠢᠯᠵᠢᠯᠳᠡ ᠲᠠᠢ ᠵᠠᠯᠭᠠᠬᠤ ᠪᠠᠷ ᠭᠤᠤᠯ ᠪᠤᠯᠭᠠᠵᠦ᠂ ᠠᠷᠠᠯᠵᠢᠶᠠᠴᠢᠨ ᠤᠷᠢᠵᠦ ᠪᠡᠯᠨ ᠲᠠᠳᠠᠬᠤ ᠠᠵᠢᠯ ᠢ ᠴᠠᠭ | ᠲᠤᠭᠳᠠᠭᠠᠨ ᠴᠢᠭᠯᠡᠯ ᠲᠠᠢ ᠦᠷᠨᠢᠭᠦᠯᠵᠦ᠂ ᠦᠷ᠎ᠡ ᠠᠰᠢᠭ ᠪᠡ ᠪᠤᠯᠵᠤᠭ᠎ᠠ ᠪᠠᠨ ᠬᠦᠢᠴᠡᠳᠭᠡᠬᠦ ᠨᠤᠷᠮ᠎ᠡ ᠵᠢᠴᠢ ᠪᠡᠯᠨ | ᠮᠦᠩᠭᠦ ᠶᠢᠨ ᠤᠷᠤᠨ ᠪᠠᠶᠢᠷᠢᠨ ᠳᠤ ᠬᠦᠷᠬᠦ ᠨᠤᠷᠮ᠎ᠡ ᠶᠢ ᠲᠡᠭᠡᠭᠰᠢᠯᠡᠭᠦᠯᠵᠦ᠂ ᠵᠢᠯ ᠤᠨ ᠲᠤᠳᠤᠷ᠎ᠡ 15.6 | ᠳ᠋ᠦᠩᠰᠢᠭᠤᠷ ᠲᠦᠭᠦᠷᠢᠭ ᠢ ᠤᠷᠤᠨ ᠪᠠᠶᠢᠷᠢᠨ ᠳᠤᠨᠢ ᠬᠦᠷᠭᠡᠨ᠎ᠡ᠃ ᠠᠶᠢᠮᠠᠭ ᠤᠨ ᠲᠤᠮᠳᠠ ᠪᠠᠭ᠎ᠠ ᠵᠢᠵᠢᠭ ᠠᠵᠤ | ᠠᠬᠤᠶᠢᠯᠡᠯ ᠤᠨ ᠢᠳᠡᠭᠡᠮᠵᠢ ᠲᠠᠭᠠᠭᠠᠯᠳᠠ ᠬᠢᠬᠦ ᠲᠦᠪ ᠲᠠᠢ ᠬᠤᠷᠰᠢᠬᠤ ᠪᠠᠨ ᠴᠢᠩᠭᠠᠳᠬᠠᠵᠦ᠂ ᠮᠦᠩᠭᠦᠨ ᠬᠦᠢᠯᠭᠡᠭᠡ | ᠪᠤᠯᠤᠨ ᠠᠵᠤ ᠠᠬᠤᠶᠢᠯᠡᠯ ᠤᠨ ᠵᠤᠬᠢᠴᠠᠭᠤᠯᠬᠤ ᠬᠤᠷᠠᠯ᠂ ᠲᠦᠷᠦᠯ ᠵᠦᠢᠯ ᠢ ᠲᠠᠨᠢᠯᠴᠠᠭᠤᠯᠬᠤ ᠵᠡᠷᠭᠡ ᠬᠤᠷᠠᠯ ᠢ | ᠬᠤᠷᠠᠯᠳᠤᠵᠦ᠂ ᠮᠦᠩᠬᠦᠨ ᠬᠦᠢᠯᠭᠡᠭᠡ ᠪᠤᠯᠤᠨ ᠠᠵᠤ ᠠᠬᠤᠶᠢᠯᠡᠯ ᠤᠨ ᠰᠤᠯᠢᠯᠴᠠᠭᠠᠨ ᠤ ᠲᠡᠪᠴᠡᠩ ᠢ ᠪᠠᠶᠢᠭᠤᠯᠵᠦ᠂ | ᠠᠵᠤ ᠠᠬᠤᠶᠢᠯᠡᠯ ᠲᠤ ᠰᠢᠯᠢᠳᠡᠭ ᠰᠡᠶᠢᠨ ᠪᠡᠯᠨ ᠬᠤᠷᠠᠮᠳᠤᠭᠤᠯᠬᠤ ᠦᠢᠯᠡᠴᠢᠯᠡᠭᠡ ᠶᠢ ᠬᠠᠩᠭᠠᠨ᠎ᠡ᠃ ᠲᠤᠮᠳᠠ ᠪᠠᠭ᠎ᠠ | ᠠᠵᠤ ᠠᠬᠤᠶᠢᠯᠡᠯ ᠪᠤᠯᠤᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠬᠠᠮᠵᠢᠯᠴᠡᠨ ᠠᠵᠢᠯᠯᠠᠬᠤ ᠶᠢ ᠰᠡᠶᠢᠳᠦᠷ | ᠬᠠᠪᠰᠤᠷᠴᠦ᠂ ᠴᠢᠩᠭᠠᠳᠬᠠᠵᠦ᠂ ᠬᠠᠷᠢᠯᠴᠠᠨ ᠰᠠᠶᠢᠳᠦᠷ ᠵᠠᠯᠭᠠᠭᠤᠯᠵᠦ᠂ ᠲᠤᠮᠳᠠ ᠪᠠᠭ᠎ᠠ ᠵᠢᠵᠢᠭ ᠠᠵᠤ ᠠᠬᠤᠶᠢᠯᠡᠯ | ᠤᠨ ᠬᠦᠭᠵᠢᠯᠳᠡ ᠶᠢ ᠬᠦᠯᠢᠶᠡᠰᠦᠯᠡᠵᠦ ᠪᠠᠶᠢᠭ᠎ᠠ ᠬᠦᠴᠢᠷᠳᠡᠯ ᠲᠠᠢ ᠠᠰᠠᠭᠤᠳᠡᠯ ᠢ ᠬᠦᠴᠦᠯᠡᠨ ᠰᠶᠢᠳᠪᠤᠷᠢᠯᠡᠵᠦ᠂ | ᠲᠡᠳᠡᠨ ᠤ ᠬᠦᠭᠵᠢᠯᠳᠡ ᠶᠢ ᠪᠤᠵᠠᠭᠠᠶᠢᠷᠠᠭᠤᠯᠤᠨ᠎ᠡ᠃ ᠵᠠᠬ᠎ᠠ ᠲᠡᠯᠭᠡᠭᠦᠷ ᠲᠤ ᠤᠷᠤᠬᠤ ᠶᠢ ᠦᠷᠭᠡᠳᠭᠡᠨ᠂ ᠠᠷᠠᠳ ᠤᠨ | ᠬᠤᠭᠤᠷᠤᠨᠳᠤᠬᠢ ᠬᠦᠷᠦᠩᠭᠡ ᠶᠢ ᠠᠵᠤ ᠦᠢᠯᠡᠰ ᠤᠨ ᠬᠦᠭᠵᠢᠯᠳᠡ᠂ ᠰᠠᠭᠤᠷᠢ ᠲᠦᠭᠦᠭᠡᠷᠦᠮᠵᠢ᠂ ᠨᠡᠶᠢᠭᠡᠮ ᠤᠨ | ᠦᠢᠯᠡᠰ ᠵᠡᠷᠭᠡ ᠬᠦᠷᠢᠶ᠎ᠡ ᠭᠡᠪᠴᠢᠶᠡᠨ ᠳᠤ ᠤᠷᠤᠭᠤᠯᠬᠤ ᠶᠢ ᠠᠬᠢᠭᠤᠯᠵᠦ᠂ ᠠᠷᠠᠳ ᠤᠨ ᠬᠤᠭᠤᠷᠤᠨᠳᠤᠬᠢ ᠪᠡᠯᠨ | ᠤᠷᠤᠭᠤᠯᠤᠯᠳᠠ ᠶᠢᠨ ᠠᠮᠢᠵᠢᠷᠠᠯ ᠤᠨ ᠬᠦᠴᠦᠨ ᠢ ᠤᠯᠡᠮ ᠤᠷᠠᠮᠰᠢᠭᠤᠯᠤᠨᠡ᠃ | ︵ᠬᠤᠶᠠᠷ︶ ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠲᠡᠰ ᠲᠡᠪᠰᠢᠭᠦᠯᠬᠦ ᠪᠤᠯᠤᠨ ᠬᠦᠭᠵᠢᠯᠳᠡ | ᠶᠢᠨ ᠶᠠᠰᠦ ᠴᠢᠨᠠᠷ ᠤᠨ ᠲᠡᠰ ᠲᠡᠪᠰᠢᠭᠦᠯᠬᠦ ᠶᠢ ᠲᠠᠰᠤᠷᠠᠯᠳᠡ ᠦᠭᠡᠢ ᠠᠬᠢᠭᠤᠯᠤᠨ᠎ᠡ | — — ᠠᠵᠤ ᠦᠢᠯᠡᠳᠪᠤᠷᠢ ᠶᠢᠨ ᠲᠠᠯ᠎ᠡ ᠪᠠᠷ᠄ ᠰᠢᠯᠢ ᠶᠢᠨ ᠭᠤᠤᠯ ᠠᠶᠢᠮᠠᠭ ᠤᠨ ᠨᠡᠭᠦᠷᠡᠰᠦ ᠴᠡᠬᠢᠯᠭᠠᠨ | ᠤ ᠰᠠᠭᠤᠷᠢᠨ ᠭᠠᠵᠠᠷ ᠤᠨ ᠭᠡᠳᠦ ᠦᠨᠳᠦᠷ ᠬᠦᠴᠦᠳᠡᠯᠳᠦ ᠴᠡᠬᠢᠯᠭᠠᠨ ᠢ ᠵᠠᠮ ᠱᠤᠭᠤᠮ ᠢᠶᠠᠷ ᠰᠡᠯᠬᠢᠨ ᠭᠡᠷᠡᠯ ᠤᠨ ᠡᠬᠢ | ᠪᠠᠶᠠᠯᠢᠭ ᠢ ᠭᠠᠳᠠᠭᠰᠢ ᠬᠦᠷᠭᠡᠬᠦ ᠠᠵᠨ ᠲᠤᠬᠢᠶᠠᠯ ᠢ ᠦᠷᠭᠦᠯᠵᠢᠯᠡᠨ ᠠᠳᠬᠤᠵᠦ᠂ ᠡᠨᠧᠷᠬᠢ᠂ ᠠᠭᠤᠷᠬᠠᠢ ᠶᠢᠨ | ᠪᠦᠳᠦᠭᠡᠭᠳᠡᠭᠦᠨ ᠢ ᠰᠤᠩᠭᠤᠨ ᠲᠡᠮᠦᠷᠯᠢᠭ ᠪᠤᠯᠪᠠᠰᠤᠷᠠᠭᠤᠯᠬᠤ᠂ ᠲᠤᠨᠤᠭ ᠲᠦᠭᠦᠭᠡᠷᠦᠮᠵᠢ ᠦᠢᠯᠡᠳᠪᠦᠷᠢᠯᠡᠬᠦ᠂ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠡᠯ᠂ ᠮᠠᠯ ᠲᠠᠷᠢᠶᠠᠯᠡᠩ ᠤᠨ ᠪᠦᠳᠦᠭᠡᠭᠳᠡᠭᠦᠨ ᠢ ᠪᠤᠯᠪᠠᠰᠤᠷᠠᠭᠤᠯᠬᠤ ᠵᠡᠷᠭᠡ | ᠠᠵᠤ ᠦᠢᠯᠡᠰ ᠤᠨ ᠲᠤᠭᠤᠷᠢᠨ ᠳᠤ᠂ ᠠᠵᠤ ᠦᠢᠯᠡᠰ ᠤᠨ ᠬᠢᠯᠬᠢᠶᠡᠵᠢᠯ ᠢ ᠤᠷᠳᠤᠳᠬᠠᠬᠤ ᠪᠠ ᠲᠡᠰ ᠲᠡᠪᠰᠢᠭᠦᠯᠬᠦ ᠶᠢ | ᠲᠦᠯᠬᠢᠨ ᠠᠬᠢᠭᠤᠯᠵᠦ᠂ ᠭᠠᠶᠢᠯᠢ ᠶᠢᠨ ᠤᠷᠤᠯᠭ᠎ᠠ ᠶᠢ ᠪᠡᠶᠡᠯᠡᠭᠦᠯᠵᠦ ᠴᠢᠳᠠᠬᠤ᠂ ᠠᠵᠢᠯ ᠤᠯᠭᠤᠯᠳᠠ ᠶᠢ ᠠᠬᠢᠭᠤᠯᠵᠦ | ᠴᠢᠳᠠᠬᠤ᠂ ᠬᠤᠯᠪᠤᠭᠳᠠᠯ ᠪᠦᠭᠦᠢ ᠠᠵᠤ ᠦᠢᠯᠡᠰ ᠤᠨ ᠬᠦᠭᠵᠢᠯᠳᠡ ᠶᠢᠨ ᠤᠳᠤ ᠦᠶ᠎ᠡ ᠶᠢᠨ ᠠᠵᠤ ᠦᠢᠯᠡᠳᠪᠤᠷᠢ | ᠶᠢᠨ ᠰᠢᠰᠲ᠋ᠧᠮ ᠢ ᠪᠠᠶᠢᠭᠤᠯᠤᠨ ᠠᠬᠢᠭᠤᠯᠵᠦ᠂ ᠰᠢᠨ᠎ᠡ ᠦᠷᠢᠰᠦᠳᠦᠯᠭᠡᠨ ᠤ ᠲᠠᠪᠠᠭᠤᠯᠢᠭ ᠪᠤᠯᠤᠨ ᠠᠵᠤ ᠠᠬᠤᠢ ᠶᠢᠨ | ᠨᠡᠮᠡᠭᠳᠡᠯ ᠤᠨ ᠴᠡᠭ ᠢ ᠪᠦᠷᠢᠯᠳᠦᠭᠦᠯᠦᠨ᠎ᠡ᠃ ᠪᠤᠯᠠᠭᠠᠨᠲᠤᠬᠠᠢ ᠨᠡᠭᠦᠷᠡᠰᠦᠨ ᠠᠭᠤᠷᠬᠠᠢ᠂ ᠴᠢᠶᠠᠨ ᠶᠢᠨ ᠳ᠋ᠠ ᠠᠭᠤᠷᠬᠠᠢ | ᠶᠢᠨ ᠦᠢᠯᠡᠰ ᠤᠨ ᠭᠠᠷ ᠬᠦᠢᠴᠡᠳᠭᠡᠯ ᠤᠨ ᠠᠵᠢᠯ ᠢ ᠪᠦᠷᠢᠨ ᠲᠡᠭᠦᠯᠳᠡᠷᠵᠢᠭᠦᠯᠵᠦ᠂ ᠵᠢᠯ ᠤᠨ ᠲᠤᠳᠤᠷ᠎ᠡ ᠠᠵᠢᠯ | ᠡᠬᠢᠯᠡᠬᠦ ᠨᠦᠬᠦᠴᠡᠯ ᠢ ᠪᠦᠷᠢᠯᠳᠦᠭᠦᠯᠦᠨ᠎ᠡ᠃ ᠶᠢᠨ ᠹᠸᠡᠭ ᠰᠢᠨᠵᠢᠯᠡᠭᠡ ᠮᠡᠷᠭᠡᠵᠢᠯ ᠤᠨ ᠰᠡᠯᠬᠢᠨ ᠬᠦᠴᠦᠨ ᠤ ᠮᠠᠰᠢᠨ | ᠵᠡᠷᠭᠡ ᠲᠤᠨᠤᠭ ᠲᠦᠭᠦᠭᠡᠷᠦᠮᠵᠢ ᠦᠢᠯᠡᠳᠪᠤᠷᠢᠯᠡᠬᠦ ᠲᠦᠷᠦᠯ ᠵᠦᠢᠯ ᠢ ᠡᠬᠢᠯᠡᠭᠦᠯᠦᠨ᠎ᠡ᠃ ᠰᠢᠨᠵᠢᠶᠡᠩ ᠤᠨ ᠲᠧ ᠪᠢᠶᠠᠨ | ᠳ᠋ᠢᠶᠠᠨ ᠬᠦᠡᠭ ᠲᠤᠨᠤᠭ ᠲᠦᠭᠦᠭᠡᠷᠦᠮᠵᠢ ᠦᠢᠯᠡᠳᠪᠤᠷᠢᠯᠡᠬᠦ᠂ ᠵᠢᠶᠠᠨ ᠠᠨ ᠴᠸᠡᠭ ᠰᠡᠯᠬᠢᠨ ᠬᠦᠴᠦᠨ ᠤ | ᠲᠦᠭᠦᠭᠡᠷᠦᠮᠵᠢ ᠦᠢᠯᠡᠳᠪᠤᠷᠢᠯᠡᠬᠦ᠂ ᠵᠢᠩ ᠨᠸᠡᠭ ᠭᠡᠷᠡᠯ ᠤᠨ ᠡᠨᠧᠷᠬᠢ ᠶᠢᠨ ᠴᠠᠬᠢᠯᠭᠠᠨ ᠵᠡᠷᠭᠡ ᠲᠦᠷᠦᠯ ᠵᠦᠢᠯ ᠢ | ᠪᠦᠳᠦᠭᠡᠨ ᠪᠠᠶᠢᠭᠤᠯᠵᠦ᠂ ᠠᠰᠢᠭᠯᠠᠯᠳᠠ ᠳᠤ ᠤᠷᠤᠭᠤᠯᠬᠤ ᠶᠢ ᠲᠦᠷᠭᠡᠳᠭᠡᠨ᠎ᠡ᠃ ᠲᠤᠮᠳᠠ ᠪᠠᠭ᠎ᠠ ᠵᠢᠵᠢᠭ ᠠᠵᠤ | ᠠᠬᠤᠶᠢᠯᠡᠯ ᠤᠨ ᠬᠦᠭᠵᠢᠯᠳᠡ ᠶᠢ ᠠᠬᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠬᠦ | ᠲᠠᠯ᠎ᠡ ᠪᠠᠷ ᠨᠠᠶᠢᠳᠠᠪᠤᠷᠢᠵᠢᠭᠤᠯᠬᠤ ᠬᠡᠷᠡᠭᠳᠡᠢ᠃ ᠵᠢᠯ ᠤᠨ ᠲᠤᠳᠤᠷ᠎ᠡ ᠪᠦᠬᠦᠶᠢᠯᠨ ᠠᠵᠤ ᠦᠢᠯᠡᠳᠪᠤᠷᠢ ᠶᠢᠨ ᠨᠡᠮᠡᠭᠳᠡᠯ | ᠦᠷᠳᠡᠭ ᠢ 13.8 ᠳ᠋ᠦᠩᠰᠢᠭᠤᠷ ᠲᠦᠭᠦᠷᠢᠭ ᠪᠡᠶᠡᠯᠡᠭᠦᠯᠵᠦ᠂ 11.1% ᠪᠠᠷ ᠨᠡᠮᠡᠭᠳᠡᠭᠦᠯᠬᠦ ᠶᠢ ᠪᠠᠳᠤᠯᠠᠵᠦ᠂ ᠡᠭᠦᠨ | ᠳᠤ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠡᠯ ᠤᠨ ᠨᠡᠮᠡᠭᠳᠡᠯ ᠦᠷᠳᠡᠭ ᠢ 9.2 | ᠳ᠋ᠦᠩᠰᠢᠭᠤᠷ ᠲᠦᠭᠦᠷᠢᠭ ᠪᠡᠶᠡᠯᠡᠭᠦᠯᠵᠦ᠂ 12.2% ᠪᠠᠷ ᠨᠡᠮᠡᠭᠳᠡᠭᠦᠯᠦᠨ᠎ᠡ᠃ | — — ᠮᠠᠯ ᠠᠵᠤ ᠠᠬᠤᠢ ᠲᠠᠷᠢᠶᠠᠯᠠᠩ ᠤᠨ ᠲᠠᠯ᠎ᠡ ᠪᠠᠷ᠄ ︽ᠬᠤᠶᠠᠷ ᠰᠢᠯᠢᠳᠡᠭ ᠲᠦᠷᠪᠡ ᠶᠢ | ᠤᠳᠤᠬᠢᠴᠢᠯᠠᠬᠤ︾ ᠪᠠᠷ ᠬᠠᠷᠠᠯᠳᠡ ᠪᠤᠯᠭᠠᠵᠦ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠡᠯᠡᠩ ᠢ ᠶᠡᠭᠡᠪᠡᠷ | ᠬᠦᠭᠵᠢᠭᠦᠯᠦᠨ᠎ᠡ᠃ ᠡᠭᠦᠯᠳᠡᠷ ᠤᠨ ᠮᠠᠯ ᠰᠦᠷᠦᠭ ᠤᠨ ᠪᠦᠳᠦᠴᠨ ᠶᠢ ᠰᠢᠯᠢᠳᠡᠭᠵᠢᠭᠦᠯᠵᠦ᠂ ︽ᠬᠤᠨᠢ ᠶᠢ | ᠴᠦᠭᠡᠳᠭᠡᠵᠦ᠂ ᠦᠭᠡᠷ ᠢ ᠨᠡᠮᠡᠭᠳᠡᠭᠦᠯᠬᠦ︾ ᠬᠦᠭᠵᠢᠯᠳᠡ ᠶᠢᠨ ᠵᠡᠷᠴᠢᠮ ᠢᠶᠠᠷ᠂ ᠲᠦᠷᠦ ᠶᠢᠨ ᠪᠤᠳᠤᠯᠭ᠎ᠠ ᠶᠢᠨ | ᠲᠡᠳᠭᠦᠯᠳᠡ ᠪᠤᠯᠤᠨ ᠬᠦᠳᠦᠯᠦᠨ ᠵᠢᠯᠤᠭᠤᠳᠬᠤ ᠡᠷᠴᠢᠮ ᠢ ᠶᠡᠭᠡᠰᠭᠡᠵᠦ᠂ ᠴᠠᠬᠠᠷ ᠬᠤᠨᠢᠨ ᠤ ᠰᠡᠶᠢᠨ ᠦᠷ᠎ᠡ ᠶᠢᠨ | ᠮᠠᠯ ᠢ ᠦᠷᠡᠵᠢᠭᠦᠯᠦᠨ ᠪᠦᠢᠵᠢᠭᠤᠯᠵᠦ᠂ ᠱᠢᠮᠢᠨᠳᠡᠷ ᠮᠢᠬᠠᠨ ᠤ ᠦᠭᠡᠷ ᠢ ᠮᠠᠯᠵᠢᠬᠤ ᠭᠡᠪᠴᠢᠶ᠎ᠡ ᠶᠢ ᠦᠷᠭᠡᠳᠭᠡᠨ᠎ᠡ᠃ | ᠲᠠᠷᠢᠮᠡᠯ ᠤᠨ ᠦᠢᠯᠡᠰ ᠤᠨ ᠪᠦᠳᠦᠴᠨ ᠶᠢ ᠰᠢᠯᠢᠳᠡᠭᠵᠢᠭᠦᠯᠵᠦ᠂ ᠤᠨᠴᠠᠯᠢᠭᠳᠦ ᠲᠠᠷᠢᠮᠠᠯ ᠤᠨ ᠦᠢᠯᠡᠰ ᠢ ᠢᠳᠡᠪᠬᠢᠳᠡᠢ | ᠬᠦᠭᠵᠢᠭᠦᠯᠦᠨ᠎ᠡ᠃ ᠨᠢᠭᠡᠨᠳᠡ ᠪᠠᠶᠢᠭᠤᠯᠤᠭᠰᠡᠨ 10 ᠲᠦᠮᠡᠨ ᠮᠤ᠋ ᠲᠦᠮᠦᠰᠦ᠂ ᠭᠤᠸ᠋ᠨ᠂ ᠢᠳᠡᠰᠢᠨ ᠨᠤᠭᠤᠭ᠎ᠠ ᠵᠡᠷᠭᠡ | ᠤᠨᠴᠠᠯᠢᠭ ᠲᠠᠢ ᠲᠠᠷᠢᠮᠡᠯ ᠤᠨ ᠰᠠᠭᠤᠷᠢᠨ ᠢ ᠪᠠᠬᠢᠵᠢᠭᠦᠯᠵᠦ᠂ ᠲᠠᠷᠢᠮᠡᠯ ᠤᠨ ᠦᠷ᠎ᠡ ᠠᠰᠢᠭ ᠢ ᠨᠡᠮᠡᠭᠳᠡᠭᠦᠯᠦᠨ᠎ᠡ᠃ | ᠠᠷᠪᠢᠳᠡᠢ ᠤᠰᠤᠯᠡᠯᠳᠡ᠂ ᠰᠡᠶᠢᠨ ᠲᠠᠷᠢᠶᠠᠨ ᠦᠷ᠎ᠡ᠂ ᠪᠤᠷᠳᠤᠭᠤᠷ ᠨᠠᠶᠢᠷᠠᠵᠦ ᠤᠷᠤᠭᠤᠯᠬᠤ ᠵᠡᠷᠭᠡ ᠲᠡᠷᠢᠭᠦᠨ ᠤ | ᠬᠡᠷᠡᠭᠯᠡᠭᠡᠨ ᠤ ᠮᠡᠷᠭᠡᠵᠢᠯ ᠢ ᠶᠠᠭᠡᠪᠡᠷ ᠲᠦᠭᠡᠮᠡᠯᠵᠢᠭᠦᠯᠵᠦ᠂ ᠬᠠᠶᠠᠭᠳᠠᠮᠠᠯ ᠰᠤᠯᠠ ᠢᠳᠡᠰᠢᠨ ᠨᠤᠭᠤᠭᠠᠨ ᠤ ᠫᠸᠡᠭ ᠢ | ᠲᠡᠬᠢᠨ ᠬᠡᠷᠡᠭᠯᠡᠵᠦ᠂ ᠮᠤ᠋ ᠨᠢᠭᠡᠴᠢ ᠶᠢᠨ ᠤᠨᠠᠯᠳᠠ ᠪᠤᠯᠤᠨ ᠪᠦᠳᠦᠭᠡᠭᠳᠡᠭᠦᠨ ᠤ ᠶᠠᠰᠦ ᠴᠢᠨᠠᠷ ᠢ ᠦᠷᠭᠦᠯᠵᠢᠯᠡᠨ | ᠲᠡᠭᠡᠭᠰᠢᠯᠡᠭᠦᠯᠦᠨ᠎ᠡ᠃ ᠬᠠᠰᠢᠶᠠᠯᠠᠬᠤ ᠪᠠ ᠬᠠᠭᠠᠰ ᠬᠠᠰᠢᠶᠠᠯᠡᠨ ᠮᠠᠯᠵᠢᠬᠤ ᠪᠤᠯᠤᠨ ᠭᠡᠪᠴᠢᠶᠡᠵᠢᠭᠰᠡᠨ ᠪᠤᠷᠳᠦᠨ | ᠲᠠᠷᠭᠤᠯᠠᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ ᠪᠠᠷᠢᠮᠵᠢᠶᠠᠳᠦ ᠭᠡᠷ ᠪᠦᠯᠢ ᠶᠢᠨ ᠮᠠᠯᠵᠢᠯ ᠤᠨ ᠲᠠᠯᠠᠪᠡᠢ ᠪᠤᠯᠤᠨ | ᠮᠠᠯᠴᠢᠨ ᠲᠠᠷᠢᠶᠠᠴᠢᠨ ᠤ ᠲᠤᠰᠬᠠᠢ ᠬᠤᠷᠰᠢᠶᠡᠵᠢᠯ ᠪᠠᠶᠢᠭᠤᠯᠬᠤ ᠵᠡᠷᠭᠡ ᠶᠢ ᠲᠤᠬᠢᠷᠠᠮᠵᠢᠳᠡᠢ ᠭᠡᠪᠴᠢᠶ᠎ᠡ ᠪᠠᠷ ᠡᠵᠡᠩᠨᠡᠬᠦ | ᠭᠤᠤᠯ ᠴᠤᠭᠴᠨ ᠶᠢᠨ ᠪᠠᠶᠢᠭᠤᠯᠤᠯᠳᠠ ᠶᠢ ᠶᠡᠭᠡ ᠪᠠᠷ ᠲᠡᠮᠵᠢᠵᠦ᠂ ᠦᠭᠡᠷ ᠬᠤᠨᠢᠨ ᠤ ᠪᠠᠷᠢᠮᠵᠢᠶᠠᠳᠦ ᠪᠤᠷᠳᠦᠨ | ᠲᠠᠷᠭᠤᠯᠠᠭᠤᠯᠬᠤ ᠰᠠᠭᠤᠷᠢᠨ ᠭᠠᠵᠠᠷ 5 ᠶᠢ ᠪᠠᠶᠢᠭᠤᠯᠤᠨ᠎ᠡ᠃ ︽ᠬᠤᠶᠠᠷ ᠫᠸᠡᠭ ᠨᠢᠭᠡ ᠡᠪᠡᠰᠤᠨ ᠤ ᠦᠢᠯᠡᠰ︾ ᠢᠶᠠᠷ | ᠭᠤᠤᠯᠳᠠᠯᠭ᠎ᠠ ᠪᠤᠯᠭᠠᠭᠰᠠᠨ ᠮᠠᠯ ᠠᠵᠤ ᠠᠬᠤᠢ ᠲᠠᠷᠢᠶᠡᠯᠡᠩ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ | ᠲᠤᠪᠦᠶᠢᠮ᠎ᠡ ᠠᠳᠬᠤᠵᠦ᠂ ᠰᠢᠨ᠎ᠡ ᠪᠠᠷ 5.63 ᠲᠦᠮᠡᠨ ᠲᠩᠰᠢ ᠲᠦᠷᠪᠡᠯᠵᠢᠨ ᠮᠧᠲᠷ ᠮᠠᠯ ᠤᠨ ᠫᠸᠡᠭ᠂ 5880 | ᠲᠩᠰᠢ ᠲᠦᠷᠪᠡᠯᠵᠢᠨ ᠮᠧᠲᠷ ᠡᠪᠡᠰᠦ ᠬᠠᠳᠠᠭᠠᠯᠠᠬᠤ ᠫᠸᠡᠭ ᠪᠠᠶᠢᠭᠤᠯᠤᠨ᠎ᠡ᠃ ᠠᠷᠪᠢᠲᠠᠢ ᠤᠰᠤᠯᠠᠯᠲᠠ ᠶᠢᠨ ᠡᠪᠡᠰᠤ | ᠪᠤᠷᠳᠤᠭᠠᠨ ᠤ ᠰᠠᠭᠤᠷᠢᠨ 1.4 ᠲᠦᠮᠡᠨ ᠮᠤ᠋ ᠦᠭᠡᠷᠡᠴᠢᠯᠡᠨ ᠪᠠᠶᠢᠭᠤᠯᠤᠨ᠎ᠡ᠃ ᠪᠠᠷᠢᠮᠵᠢᠶᠠᠳᠦ ᠡᠭᠦᠯᠳᠡᠷ ᠤᠨ ᠮᠠᠯ ᠤᠨ | ᠰᠦᠷᠦᠭ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ | ᠴᠠᠬᠠᠷ ᠬᠤᠨᠢᠨ ᠤ 7 ᠭᠤᠤᠯ ᠰᠦᠷᠦᠭ᠂ ᠱᠢᠮᠢᠨᠳᠡᠷ ᠦᠭᠡᠷ ᠤᠨ 3 ᠭᠤᠤᠯ ᠰᠦᠷᠦᠭ ᠢ ᠪᠠᠶᠢᠭᠤᠯᠤᠨ᠂ 5.1 | ᠲᠦᠮᠡᠨ ᠦᠭᠡᠷ ᠪᠠ 17 ᠲᠦᠮᠡᠨ ᠬᠤᠨᠢ ᠶᠢ ᠡᠭᠦᠯᠳᠡᠷ ᠰᠡᠶᠢᠵᠢᠷᠠᠭᠤᠯᠤᠨ ᠮᠠᠯᠵᠢᠯ ᠤᠨ ᠤᠨ ᠤ ᠴᠠᠬᠠᠷ ᠬᠤᠨᠢ ᠶᠢ | 20 ᠲᠦᠮᠡᠨ ᠲᠤᠯᠤᠭᠠᠢ ᠳᠤ ᠬᠦᠷᠭᠡᠨ᠎ᠡ᠃ ᠮᠠᠯ ᠠᠵᠤ ᠠᠬᠤᠢ ᠲᠠᠷᠢᠶᠡᠯᠡᠩ ᠤᠨ ᠲᠠᠭᠠᠭᠤᠯᠤᠭᠴᠢ ᠠᠵᠤ ᠠᠬᠤᠶᠢᠯᠡᠯ | ᠢ ᠢᠳᠡᠪᠬᠢᠳᠡᠢ ᠲᠡᠳᠭᠦᠵᠦ᠂ ᠲᠠᠭᠠᠭᠤᠯᠤᠭᠴᠢ ᠠᠵᠤ ᠠᠬᠤᠶᠢᠯᠡᠯ ᠪᠤᠯᠤᠨ ᠬᠤᠷᠰᠢᠶᠡᠵᠢᠯ᠂ ᠮᠠᠯᠴᠢᠨ ᠡᠷᠤᠭᠡ ᠶᠢᠨ | ᠠᠰᠢᠭ ᠲᠤᠰᠨ ᠶᠢ ᠬᠠᠷᠢᠯᠴᠡᠨ ᠬᠤᠯᠪᠤᠬᠤ ᠲᠤᠭᠳᠠᠴᠨ ᠶᠢ ᠪᠠᠶᠢᠭᠤᠯᠤᠨ ᠪᠦᠷᠢᠨᠰᠢᠭᠦᠯᠵᠦ᠂ ᠮᠠᠯᠴᠢᠳ ᠲᠤ ᠠᠵᠤ | ᠦᠢᠯᠡᠰᠵᠢᠯᠳᠡ ᠶᠢᠨ ᠡᠵᠡᠩᠨᠡᠯᠳᠡ ᠶᠢᠨ ᠲᠤᠮᠳᠠ ᠠᠴᠠ ᠨᠡᠩ ᠤᠯᠡᠨ ᠪᠤᠳᠡᠳᠦ ᠠᠰᠢᠭ ᠬᠦᠷᠳᠡᠭᠡᠨ᠎ᠡ᠃ ᠡᠯ᠎ᠡ ᠲᠦᠷᠦᠯ | ᠤᠨ ᠬᠤᠷᠰᠢᠶᠡᠵᠢᠯ ᠤᠨ ᠲᠦᠷᠢᠮᠵᠢᠭᠰᠡᠨ ᠪᠠᠶᠢᠭᠤᠯᠤᠯᠳᠠ ᠶᠢ ᠴᠢᠩᠭᠠᠳᠬᠠᠵᠦ᠂ ᠲᠠᠩᠰᠨ ᠡᠪᠭᠡᠮᠡᠯ ᠺᠠᠷᠲ ᠪᠠᠶᠢᠭᠤᠯᠵᠦ᠂ | ᠶᠠᠳᠠᠭᠤ ᠡᠷᠣᠭᠡ ᠶᠢ ᠲᠡᠳᠭᠦᠵᠦ ᠤᠷᠤᠯᠭ᠎ᠠ ᠶᠢ ᠨᠢ ᠨᠡᠮᠡᠭᠳᠡᠭᠦᠯᠦᠭᠰᠡᠨ ᠬᠤᠷᠰᠢᠶᠡᠵᠢᠯ ᠲᠤ ᠲᠦᠷᠦᠯ ᠵᠦᠢᠯ ᠢ | ᠤᠯᠭᠤᠬᠤ ᠪᠠ ᠲᠦᠷᠦᠯ ᠵᠦᠢᠯ ᠢᠶᠠᠷ ᠲᠡᠳᠬᠦᠭᠦ ᠲᠠᠯ᠎ᠠ ᠪᠠᠷ ᠢᠯᠡᠭᠦᠤ ᠬᠠᠷᠠᠭᠠᠯᠵᠡᠯ ᠦᠵᠡᠭᠦᠯᠬᠦ ᠶᠢᠨ ᠵᠡᠷᠭᠡᠪᠡᠷ | ᠵᠤᠬᠢᠬᠤ ᠬᠡᠮᠵᠢᠶᠡᠨ ᠤ ᠱᠠᠩᠨᠡᠯ ᠤᠯᠭᠤᠨ᠂ ᠲᠡᠳᠡᠨ ᠢ ᠵᠤᠷᠢᠭᠵᠢᠭᠤᠯᠤᠨ ᠵᠢᠯᠤᠭᠤᠳᠴᠦ᠂ ᠲᠠᠭᠠᠭᠤᠯᠤᠨ ᠲᠠᠶᠢᠴᠢᠯᠠᠬᠤ | ᠦᠢᠯᠡᠳᠦᠯ ᠢ ᠨᠢ ᠦᠨᠡᠨᠬᠦ ᠪᠠᠳᠠᠷᠠᠭᠤᠯᠵᠦ᠂ ᠮᠠᠯᠴᠢᠨ ᠲᠠᠷᠢᠶᠠᠴᠢᠨ ᠢ ᠲᠠᠭᠠᠭᠤᠯᠵᠦ ᠶᠠᠳᠠᠭᠤ ᠠᠴᠠ ᠠᠩᠬᠢᠵᠢᠷᠠᠭᠤᠯᠵᠦ | ᠪᠡᠶᠡᠵᠢᠨ ᠴᠢᠨᠡᠭᠡᠯᠢᠭᠵᠢᠭᠦᠯᠦᠨ᠎ᠡ᠃ ᠲᠠᠸᠠᠷ ᠤᠨ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ︽ | ᠢᠨᠲ᠋ᠧᠷ ᠰᠦᠯᠵᠢᠶ᠎ᠡ + ᠪᠤᠬᠢᠷᠳᠦᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ︾ ᠤ ᠵᠠᠭᠪᠤᠷ ᠢ | ᠵᠤᠷᠢᠭᠵᠢᠭᠤᠯᠤᠨ ᠲᠠᠮᠵᠢᠵᠦ᠂ ᠵᠢᠯ ᠤᠨ ᠲᠤᠳᠤᠷ᠎ᠡ 1— 2 ᠭᠠᠵᠠᠷ ᠤᠷᠤᠨ ᠤ ᠪᠡᠯᠭᠡ ᠲᠡᠮᠳᠡᠭ ᠢ | ᠬᠠᠷᠠᠭᠤᠯᠤᠭᠰᠠᠨ ᠦᠢᠯᠡᠳᠭᠦᠨ ᠢ ᠨᠤᠳᠠᠯᠠᠨ ᠬᠡᠷᠡᠴᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠬᠤᠨᠢᠨ ᠮᠢᠬᠠᠨ ᠤ ᠪᠦᠬᠦ | ᠠᠵᠤ ᠦᠢᠯᠡᠰ ᠤᠨ ᠬᠢᠯᠬᠢᠶᠠᠵᠢᠯᠡᠯ ᠢ ᠮᠦᠷᠳᠡᠬᠦ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠦ 6 ᠲᠦᠮᠡᠨ ᠬᠤᠨᠢ | ᠶᠢ ᠮᠦᠷᠳᠡᠬᠦ ᠲᠤᠭ᠎ᠠ ᠪᠠᠷᠢᠮᠳᠡ ᠶᠢᠨ ᠲᠠᠩᠰᠨ ᠡᠪᠭᠡᠮᠡᠯ ᠢ ᠪᠠᠶᠢᠭᠤᠯᠤᠨ᠎ᠡ᠃ ᠭᠤᠷᠪᠠᠨ ᠵᠢᠯ ᠤᠨ ᠬᠤᠭᠤᠴᠠᠭ᠎ᠠ | ᠬᠡᠷᠡᠭᠰᠡᠨ ᠴᠠᠬᠠᠷ ᠬᠤᠨᠢᠨ ᠮᠢᠬᠠᠨ ᠤ ᠪᠦᠬᠦ ᠠᠵᠤ ᠦᠢᠯᠡᠰ ᠤᠨ ᠬᠢᠯᠬᠢᠶᠡᠵᠢᠯ ᠢ ᠮᠦᠷᠳᠡᠬᠦ ᠰᠢᠰᠲ᠋ᠧᠮ ᠢ ᠪᠦᠷᠬᠦᠭᠦᠯᠬᠦ | ᠶᠢ ᠪᠡᠶᠡᠯᠡᠭᠦᠯᠵᠦ᠂ ᠮᠠᠨ ᠤ ᠬᠤᠰᠢᠭᠤᠨ ᠤ ᠰᠢᠯᠢᠳᠡᠭ ᠮᠠᠯ ᠲᠠᠷᠢᠶᠠᠯᠠᠩ ᠤᠨ ᠪᠦᠳᠦᠭᠡᠭᠳᠡᠭᠦᠨ ᠢ ᠰᠠᠶᠢᠳᠦᠷ | ᠤᠬᠠᠭᠤᠯᠵᠦ ᠠᠯᠳᠠᠷᠰᠢᠭᠤᠯᠤᠨᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠠᠷᠢᠶᠡᠯᠡᠩ ᠤᠨ ᠨᠡᠶᠢᠳᠡᠮ | ᠪᠠᠶᠢᠴᠠᠭᠠᠯᠳᠠ ᠶᠢᠨ ᠠᠵᠢᠯ ᠢ ᠰᠡᠶᠢᠳᠦᠷ ᠬᠢᠬᠦ ᠬᠡᠷᠡᠭᠳᠡᠢ᠃ | — — ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠄ ᠰᠤᠶᠤᠯ ᠵᠤᠭᠠᠴᠠᠯ ᠤᠨ ᠦᠢᠯᠡᠰ ᠢ ᠲᠤᠪᠦᠶᠢᠮ᠎ᠡ | ᠬᠦᠭᠵᠢᠭᠦᠯᠦᠨ᠎ᠡ᠃ ︽ᠵᠤᠭᠠᠴᠠᠯ +︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ︽ᠰᠤᠶᠤᠯ ᠵᠤᠭᠠᠴᠠᠯ ᠤᠨ | ᠬᠦᠭᠵᠢᠯᠳᠡ ᠶᠢᠨ ᠰᠢᠪᠳᠤᠯᠤᠯᠳᠡ ᠶᠢᠨ ᠤᠨ︾ ᠤ ᠰᠢᠷᠢᠰ ᠠᠵᠢᠯᠯᠠᠭ᠎ᠠ ᠶᠢ ᠦᠷᠨᠢᠭᠦᠯᠵᠦ᠂ ᠰᠤᠶᠤᠯ ᠵᠤᠭᠠᠴᠠᠯ ᠤᠨ | ᠲᠦᠷᠢ ᠲᠦᠷᠬᠦ ᠶᠢᠨ ᠤᠷᠤᠨ ᠪᠠᠶᠢᠷᠢ ᠶᠢ ᠲᠤᠭᠳᠠᠭᠠᠬᠤ ᠶᠢ ᠲᠦᠯᠦᠪᠯᠡᠵᠦ᠂ ᠮᠠᠨ ᠤ ᠬᠤᠰᠢᠭᠤᠨ ᠤ ᠰᠤᠶᠤᠯ ᠤᠨ | ᠲᠤᠳᠤᠭᠠᠳᠦ ᠠᠭᠤᠯᠤᠭᠳᠠᠬᠤᠨ ᠢ ᠬᠦᠨᠵᠡᠭᠡᠢ ᠠᠭᠤᠳᠠᠯᠯᠠᠵᠦ᠂ ︽ᠬᠤᠯᠡᠨ ᠰᠢᠷᠭ᠎ᠠ ᠡᠯᠡᠰᠤᠷᠭᠡᠭ ᠤᠷᠤᠨ ᠤ ᠲᠠᠯ᠎ᠠ | ᠨᠤᠳᠤᠭ ᠤᠨ ᠠᠶᠠᠯᠡᠨ ᠵᠤᠭᠠᠴᠡᠯ ᠤᠨ ᠲᠦᠯᠦᠪᠵᠢᠭᠦᠯᠭᠡ︾ ᠶᠢ ᠨᠠᠶᠢᠷᠠᠭᠤᠯᠤᠨ ᠵᠤᠬᠢᠶᠡᠵᠦ᠂ ︽ᠨᠢᠭᠡ ᠬᠦᠨᠳᠡᠯᠡᠨ | ᠬᠤᠶᠠᠷ ᠭᠤᠯᠳᠦ︾ ᠵᠤᠭᠠᠴᠠᠯ ᠤᠨ ᠱᠤᠭᠤᠮ ᠢ ᠪᠠᠶᠢᠭᠤᠯᠵᠦ᠂ ᠮᠤᠵᠢ ᠶᠢᠨ ᠲᠡᠰ ᠤᠨ 105 ᠱᠤᠭᠤᠮ ᠠᠴᠠ | ᠶᠡᠭᠡᠨᠡᠭᠤᠷ ᠰᠤᠮᠤ ᠬᠦᠷᠬᠦ ᠵᠤᠭᠠᠴᠡᠯ ᠤᠨ ᠵᠠᠰᠠᠮᠠᠯ ᠵᠠᠮ ᠢ ᠪᠦᠳᠦᠭᠡᠨ ᠪᠡᠶᠢᠭᠤᠯᠬᠤ ᠢᠨᠵᠧᠨᠧᠷᠢᠩ ᠢ ᠡᠬᠢᠯᠡᠭᠦᠯᠵᠦ᠂ | ᠲᠠᠯ᠎ᠠ ᠨᠤᠳᠤᠭ ᠤᠨ ᠦᠪᠡᠷ ᠢᠶᠠᠨ ᠲᠡᠷᠭᠡ ᠵᠢᠯᠤᠭᠤᠳᠦᠨ ᠵᠤᠭᠠᠴᠠᠬᠤ ᠦᠷᠳᠡᠭᠡ᠂ ᠵᠤᠭᠠᠴᠠᠯ ᠤᠨ ᠵᠤᠷᠯᠦᠩ ᠵᠡᠷᠭᠡ | ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠭᠦᠯᠦᠨ᠎ᠡ᠃ ᠶᠢᠨ ᠱᠨ ᠬᠤ᠋ ᠨᠠᠭᠤᠷ᠂ | ᠬᠤᠨ ᠭᠠᠯᠠᠭᠤ ᠨᠤᠭᠤ ᠭᠠᠵᠠᠷ ᠤᠨ ᠵᠤᠭᠠᠴᠡᠯ ᠤᠨ ᠦᠵᠡᠮᠵᠢ ᠶᠢᠨ ᠤᠷᠤᠨ ᠢ ᠲᠡᠳᠭᠦᠬᠦ ᠬᠦᠴᠦᠯᠡᠴᠨ ᠪᠠᠨ | ᠶᠡᠭᠡᠰᠭᠡᠵᠦ᠂ ᠬᠤᠶᠠᠷ ᠵᠢᠯ ᠤᠨ ᠲᠤᠳᠤᠷ᠎ᠡ AAA ᠲᠡᠰ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠬᠤ ᠪᠠᠷ | ᠴᠢᠷᠮᠡᠶᠢᠨ᠎ᠡ᠃ ᠪᠡᠭᠡᠵᠢᠩ ᠲᠢᠶᠠᠨᠵᠢᠨ ᠾᠧᠪᠸᠢ ᠵᠡᠷᠭᠡ ᠭᠠᠵᠠᠷ ᠤᠷᠤᠨ ᠤ ᠵᠤᠭᠠᠴᠡᠯ ᠤᠨ ᠲᠤᠮᠤ ᠵᠠᠬ᠎ᠠ ᠲᠡᠯᠭᠡᠭᠦᠷ | ᠲᠠᠢ ᠰᠠᠨᠠᠭᠠᠴᠢᠯᠠᠭ᠎ᠠ ᠠᠴᠠ ᠪᠠᠨ ᠵᠠᠯᠭᠠᠭᠤᠯᠵᠦ᠂ ᠬᠢᠯᠢ ᠰᠤᠨᠳᠡᠯᠠᠭᠰᠠᠨ ᠵᠤᠭᠠᠴᠡᠯ ᠤᠨ ᠬᠠᠮᠳᠤᠷᠠᠯᠴᠠᠭ᠎ᠠ ᠶᠢ | ᠴᠢᠩᠭᠠᠳᠬᠠᠵᠦ᠂ ᠪᠦᠬᠦᠯᠢ ᠴᠤᠭᠴᠨ ᠶᠢᠨ ᠲᠦᠰᠦᠪᠯᠡᠯ ᠪᠤᠯᠤᠨ ᠤᠬᠠᠭᠤᠯᠭ᠎ᠠ ᠶᠢ ᠰᠡᠶᠢᠳᠦᠷ ᠬᠢᠵᠦ᠂ ᠰᠤᠳᠦᠨ | ᠵᠤᠭᠠᠴᠡᠯ ᠤᠨ ᠱᠤᠭᠤᠮ ᠢ ᠬᠠᠮᠳᠦ ᠪᠠᠷ ᠨᠡᠭᠡᠭᠡᠨ ᠬᠦᠭᠵᠢᠭᠦᠯᠵᠦ᠂ ᠵᠢᠯ ᠤᠨ ᠲᠤᠳᠤᠷ᠎ᠡ ᠲᠠᠶᠢᠴᠢᠯᠡᠨ ᠲᠠᠭᠠᠭᠤᠯᠬᠤ | ᠴᠢᠳᠠᠪᠤᠷᠢ ᠪᠠᠷ ᠨᠡᠯᠢᠶᠡᠳ ᠴᠢᠩᠭ᠎ᠠ 1 — 2 ᠵᠤᠭᠠᠴᠡᠯ ᠤᠨ ᠠᠵᠤ ᠠᠬᠤᠶᠢᠯᠡᠯ ᠤᠨ ᠪᠡᠯᠨ ᠤᠷᠤᠭᠤᠯᠤᠯᠳᠠ ᠶᠢ | ᠲᠠᠳᠡᠨ ᠤᠷᠤᠭᠤᠯᠵᠦ᠂ ᠮᠠᠨ ᠤ ᠬᠤᠰᠢᠭᠤᠨ ᠤ ᠵᠤᠭᠠᠴᠡᠯ ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠎ᠡ᠃ | ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ᠎ᠡ᠃ ᠮᠦᠩᠭᠦᠨ ᠬᠦᠢᠯᠭᠡᠭᠡᠨ ᠤ | ᠦᠢᠯᠡᠴᠢᠯᠡᠭᠡᠨ ᠤ ᠲᠤᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠦᠪᠤᠷ ᠮᠤᠩᠭᠤᠯ ᠤᠨ ᠪᠠᠩᠬᠢ ᠵᠡᠷᠭᠡ ᠬᠤᠳᠠᠯᠳᠤᠭᠠᠨ | ᠤ ᠪᠠᠩᠬᠢ ᠨᠢ ᠮᠠᠨ ᠤ ᠬᠤᠰᠢᠭᠤᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠢᠳᠡᠪᠬᠢᠳᠡᠢ ᠲᠡᠮᠵᠢᠵᠦ᠂ ᠠᠷᠠᠳ | ᠤᠨ ᠬᠤᠭᠤᠷᠤᠨᠳᠤᠬᠢ ᠵᠢᠭᠡᠯᠡᠯᠭᠡ ᠶᠢᠨ ᠦᠢᠯᠡᠴᠢᠯᠡᠭᠡᠨ ᠤ ᠲᠦᠪ ᠢ ᠪᠠᠶᠢᠭᠤᠯᠬᠤ ᠶᠢ ᠰᠦᠪᠡᠭᠴᠢᠯᠡᠵᠦ᠂ ᠮᠦᠩᠭᠦᠨ | ᠬᠦᠢᠯᠭᠡᠭᠡᠨ ᠤ ᠦᠢᠯᠡᠴᠢᠯᠡᠭᠡᠨ ᠤ ᠲᠤᠤᠷ ᠴᠡᠭ ᠢ ᠮᠠᠯᠵᠢᠬᠤ ᠲᠠᠷᠢᠶᠠᠯᠠᠬᠤ ᠤᠷᠤᠨ ᠵᠦᠭ ᠦᠷᠭᠦᠯᠵᠢᠯᠡᠭᠦᠯᠬᠦ ᠶᠢ | ᠠᠬᠢᠭᠤᠯᠵᠦ᠂ ᠮᠦᠩᠭᠦᠨ ᠬᠦᠢᠯᠭᠡᠭᠡᠨ ᠤ ᠪᠦᠳᠦᠭᠡᠭᠳᠡᠭᠦᠨ ᠤ ᠰᠢᠨ᠎ᠡ ᠶᠢ ᠡᠭᠦᠳᠬᠦ ᠶᠢ ᠵᠤᠷᠢᠭᠵᠢᠭᠤᠯᠵᠦ᠂ | ᠦᠢᠯᠡᠴᠢᠯᠡᠭᠡᠨ ᠤ ᠴᠢᠳᠠᠪᠤᠷᠢ ᠶᠢ ᠤᠯᠡᠮ ᠨᠢᠭᠡ ᠠᠯᠬᠤᠮ ᠲᠡᠭᠡᠭᠰᠢᠯᠡᠭᠦᠯᠦᠨ᠎ᠡ᠃ ᠰᠡᠯᠬᠢᠨ ᠬᠦᠴᠦᠨ ᠤ ᠮᠠᠰᠢᠨ ᠤ | ᠡᠷᠬᠢᠯᠳᠡ ᠶᠢ ᠬᠠᠮᠠᠭᠠᠯᠠᠬᠤ᠂ ᠪᠡᠯᠨ ᠬᠤᠷᠠᠮᠳᠤᠭᠤᠯᠬᠤ ᠲᠦᠷᠢᠶᠡᠰᠦᠯᠡᠬᠦ᠂ ᠡᠯᠧᠺᠲᠷᠦᠨ ᠬᠤᠳᠠᠯᠳᠤᠭᠠᠨ ᠤ ᠶᠠᠪᠤᠳᠡᠯ | ᠵᠡᠷᠭᠡ ᠦᠢᠯᠡᠳᠪᠤᠷᠢᠯᠡᠯ ᠤᠨ ᠴᠢᠨᠠᠷᠳᠡᠢ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠡᠯᠧᠺᠲᠷᠦᠨ ᠬᠤᠳᠠᠯᠳᠤᠭᠠᠨ | ᠤ ᠶᠠᠪᠤᠳᠡᠯ ᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ ᠶᠢ ᠠᠬᠢᠭᠤᠯᠤᠨ᠎ᠡ᠃ ᠨᠠᠰᠦᠳᠡᠨ ᠢ ᠠᠰᠠᠷᠠᠬᠤ | ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠤᠷᠤᠨ ᠲᠤᠭᠤᠷᠢᠭ ᠤᠨ ᠴᠢᠨᠠᠷᠳᠡᠢ | ᠶᠡᠷᠤᠩᠬᠡᠶᠢᠯᠡᠭᠰᠡᠨ ᠨᠠᠰᠦᠳᠡᠨ ᠢ ᠠᠰᠠᠷᠠᠬᠤ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠵᠦ᠂ ᠬᠤᠰᠢᠭᠤ ᠰᠠᠭᠤᠭ᠎ᠠ | ᠭᠠᠵᠠᠷ ᠲᠤ ᠤᠷᠤᠨ ᠲᠤᠭᠤᠷᠢᠭᠵᠢᠯ ᠤᠨ ᠴᠢᠨᠠᠷᠳᠡᠢ ᠮᠠᠯᠵᠢᠬᠤ ᠤᠷᠤᠨ ᠤ ᠨᠠᠰᠦᠳᠡᠨ ᠢ ᠠᠰᠠᠷᠠᠬᠤ ᠨᠡᠶᠢᠳᠡ ᠶᠢᠨ | ᠤᠷᠤᠨ ᠰᠠᠭᠤᠴᠨ ᠶᠢ ᠪᠠᠶᠢᠭᠤᠯᠵᠦ᠂ ᠲᠠᠷᠢᠶᠠᠯᠠᠬᠤ ᠤᠷᠤᠨ ᠤ ᠨᠠᠰᠦᠳᠡᠶᠢᠴᠦᠳ ᠤᠨ ᠬᠠᠷᠢᠯᠴᠠᠨ ᠬᠠᠪᠰᠤᠷᠤᠯᠴᠠᠬᠤ | ᠵᠤᠯ ᠵᠢᠷᠭᠠᠯᠳᠦ ᠬᠦᠷᠢᠶᠡᠯᠡᠩ ᠢ ᠦᠷᠭᠦᠯᠵᠢᠯᠡᠨ ᠪᠠᠶᠢᠭᠤᠯᠵᠦ᠂ ᠨᠠᠰᠦᠳᠡᠨ ᠢ ᠠᠰᠠᠷᠠᠬᠤ ᠦᠢᠯᠡᠴᠢᠯᠡᠭᠡᠨ ᠤ ᠦᠢᠯᠡᠰ | ᠤᠨ ᠠᠵᠤ ᠦᠢᠯᠡᠰᠵᠢᠯᠳᠡ ᠶᠢ ᠲᠦᠷᠭᠡᠳᠭᠡᠨ᠎ᠡ᠃ ᠤᠯᠠᠮᠵᠢᠯᠠᠯᠳᠦ ᠦᠢᠯᠡᠴᠢᠯᠡᠭᠡᠨ ᠤ ᠦᠢᠯᠡᠰ ᠢ ᠲᠤᠭᠳᠠᠭᠤᠨ ᠢᠶᠠᠷ | ᠬᠦᠭᠵᠢᠭᠦᠯᠦᠨ᠎ᠡ᠃ ᠮᠢᠩᠭᠠᠳᠦ ᠪᠠᠯᠭᠠᠰᠦᠨ ᠤ ᠬᠤᠶᠠᠳᠤᠭᠠᠷ ᠲᠡᠰ ᠤᠨ ᠠᠶᠠᠨᠴᠢᠨ ᠤ ᠦᠷᠳᠡᠭᠡᠨ ᠤ ᠲᠦᠷᠦᠯ ᠵᠦᠢᠯ | ᠤᠨ ᠪᠦᠳᠦᠭᠡᠨ ᠪᠠᠶᠢᠭᠤᠯᠤᠯᠳᠠ ᠶᠢᠨ ᠪᠡᠯᠡᠳᠭᠡᠯ ᠠᠵᠢᠯ ᠢ ᠡᠬᠢᠯᠡᠭᠦᠯᠵᠦ᠂ ᠵᠢᠯ ᠤᠨ ᠲᠤᠳᠤᠷ᠎ᠡ ᠪᠠᠷᠢᠯᠭ᠎ᠠ ᠡᠬᠢᠯᠡᠭᠦᠯᠬᠦ | ᠪᠠᠷ ᠴᠢᠷᠮᠠᠶᠢᠨ᠎ᠡ᠃ ᠮᠠᠯᠵᠢᠬᠤ ᠲᠠᠷᠢᠶᠠᠯᠠᠬᠤ ᠤᠷᠤᠨ ᠤ ᠠᠶᠠᠨᠴᠢᠳ ᠤᠨ ᠲᠡᠭᠡᠭᠡᠪᠤᠷᠢ ᠶᠢᠨ ᠲᠤᠤᠷᠵᠢᠬᠤ ᠠᠬᠢᠴᠨ ᠶᠢ | ᠲᠦᠷᠭᠡᠳᠭᠡᠵᠦ᠂ ︽ᠰᠠᠭᠠᠳ ᠦᠭᠡᠢ ᠨᠡᠪᠳᠡᠷᠡᠬᠦ ᠵᠠᠮ︾ ᠤᠨ ᠲᠤᠤᠷ ᠰᠦᠯᠵᠢᠶ᠎ᠡ ᠶᠢ ᠦᠷᠭᠦᠯᠵᠢᠯᠡᠨ ᠦᠷᠭᠡᠳᠭᠡᠨ᠎ᠡ᠃ | 12 ︽ᠠᠷᠠᠳ ᠲᠤ ᠲᠦᠭᠦᠮ ᠴᠢᠯᠦᠭᠡᠲᠦ ᠲᠡᠯᠭᠡᠭᠦᠷ︾ ᠢ ᠰᠢᠨ᠎ᠡ ᠪᠠᠷ ᠪᠠᠶᠢᠭᠤᠯᠤᠨ᠎ᠡ᠃ ︽ᠰᠢᠨ ᠸᠠᠩ | ᠰᠦᠯᠵᠢᠶᠡᠨ ᠤ ᠢᠨᠵᠧᠨᠧᠷᠢᠩ︾ ᠤᠨ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠵᠦ᠂ ᠰᠢᠨ᠎ᠡ ᠮᠠᠯᠵᠢᠬᠤ | ᠲᠠᠷᠢᠶᠠᠯᠠᠬᠤ ᠤᠷᠤᠨ ᠤ ᠤᠳᠤ ᠦᠶ᠎ᠡ ᠶᠢᠨ ᠬᠦᠢᠯᠭᠡᠭᠡᠨ ᠤ ᠦᠢᠯᠡᠴᠢᠯᠡᠭᠡᠨ ᠤ ᠲᠤᠤᠷ ᠰᠦᠯᠵᠢᠶ᠎ᠡ ᠶᠢᠨ | ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠡᠳᠦᠷ ᠲᠤᠳᠦᠮ ᠤᠨ ᠬᠡᠷᠡᠭᠯᠡᠭᠡᠨ ᠤ ᠵᠦᠢᠯ ᠢ ᠲᠤᠬᠢᠷᠠᠭᠤᠯᠤᠨ ᠬᠦᠷᠭᠡᠬᠦ | ᠲᠦᠪ᠂ ᠲᠠᠬᠢᠨ ᠠᠰᠢᠭᠯᠠᠬᠤ ᠡᠬᠢ ᠪᠡᠶᠡᠯᠢᠭ᠋ ᠤᠨ ᠠᠷᠠᠯᠵᠢᠶᠠᠨ ᠤ ᠵᠠᠬ᠎ᠠ ᠲᠡᠯᠭᠡᠭᠦᠷ᠂ ᠮᠠᠯ ᠲᠠᠷᠢᠶᠡᠯᠡᠩ ᠤᠨ | ᠦᠢᠯᠡᠳᠭᠡᠭᠦᠨ ᠢ ᠪᠦᠭᠡᠮ ᠢᠶᠠᠷ ᠪᠤᠷᠤᠯᠠᠭᠤᠯᠬᠤ ᠠᠷᠠᠯᠵᠢᠶᠠᠨ ᠤ ᠵᠠᠬ᠎ᠠ ᠲᠡᠯᠭᠡᠭᠦᠷ ᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢ ᠪᠡᠶᠡᠯᠡᠭᠦᠯᠦᠨ᠎ᠡ᠃ | ︵ᠭᠤᠷᠪᠠ︶ ᠰᠢᠨ᠎ᠡ ᠬᠡᠯᠪᠡᠷᠢ ᠶᠢᠨ ᠬᠤᠲᠠ ᠪᠠᠯᠭᠠᠰᠦᠵᠢᠯᠲᠠ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ | ᠂ ᠬᠤᠲᠠ ᠬᠦᠳᠡᠭᠡ ᠶᠢᠨ ᠵᠤᠬᠢᠴᠠᠩᠭᠤᠢ ᠬᠦᠭᠵᠢᠯᠲᠡ ᠶᠢ ᠨᠢᠭᠡᠳᠦᠯᠲᠠᠢ ᠲᠦᠯᠦᠪᠵᠢᠭᠦᠯᠦᠨ᠎ᠡ | — — ᠬᠤᠲᠠ ᠪᠠᠯᠭᠠᠰᠦᠵᠢᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠠᠮᠢ | ᠠᠬᠤᠢ ᠤᠨ ᠤᠨᠴᠠᠯᠢᠭ ᠪᠦᠬᠦᠢ ᠰᠠᠭᠤᠬᠤ ᠳᠤ ᠳᠤᠬᠢᠯᠢᠭ ᠲᠠᠭᠠᠯᠠᠮᠵᠢᠲᠠᠢ ᠲᠠᠯ᠎ᠠ ᠨᠤᠲᠤᠭ ᠤᠨ ᠵᠢᠵᠢᠭ ᠪᠠᠯᠭᠠᠰᠦ ᠶᠢ | ᠪᠠᠶᠢᠭᠤᠯᠬᠤ ᠪᠠᠷ ᠬᠠᠷᠠᠯᠲᠠ ᠪᠤᠯᠭᠠᠨ᠂ ᠪᠦᠬᠦ ᠠᠶᠢᠮᠠᠭ ᠤᠨ《 ᠠᠷᠪᠠ ᠶᠢ ᠲᠤᠰᠬᠠᠢ ᠵᠠᠰᠠᠬᠤ ᠢᠨᠵᠧᠨᠧᠷᠢᠩ》 ᠤᠨ | ᠲᠤᠭᠤᠷᠢᠨ ᠳᠤ 4.2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠴᠢᠷᠮᠠᠶᠢᠨ ᠪᠡᠶᠡᠯᠡᠭᠦᠯᠬᠦ ᠪᠠᠷ ᠬᠤᠲᠠ | ᠪᠠᠯᠭᠠᠰᠤ ᠶᠢ ᠲᠦᠯᠦᠪᠵᠢᠭᠦᠯᠤᠨ ᠪᠠᠶᠢᠭᠤᠯᠬᠤ ᠠᠷᠪᠠᠨ ᠲᠦᠷᠦᠯ ᠤᠨ ᠢᠨᠵᠧᠨᠧᠷᠢᠩ ᠢ ᠭᠤᠤᠯᠳᠠᠯᠭ᠎ᠠ ᠲᠠᠢ | ᠬᠡᠷᠡᠭᠵᠢᠭᠦᠯᠦᠨ᠎ᠡ᠃ ᠨᠢᠭᠡ ᠳᠤ᠂ ᠮᠢᠩᠭᠠᠲᠦ ᠪᠠᠯᠭᠠᠰᠤᠨ ᠤ ᠶᠡᠷᠦᠩᠬᠡᠢ ᠴᠤᠭᠴᠠ ᠶᠢᠨ ᠲᠦᠯᠦᠪᠵᠢᠭᠦᠯᠭᠡ ᠶᠢ ᠵᠠᠰᠠᠨ | ᠨᠠᠶᠢᠷᠠᠭᠤᠯᠵᠤ᠂ ᠮᠢᠩᠭᠠᠲᠦ ᠪᠠᠯᠭᠠᠰᠤᠨ ᠤ ᠭᠤᠤᠯ ᠬᠤᠲᠠ ᠲᠤᠭᠤᠷᠢᠭ ᠤᠨ ᠡᠵᠡᠮᠰᠢᠯ ᠤᠨ ᠴᠢᠨᠠᠷᠲᠠᠢ ᠨᠠᠷᠢᠨ | ᠲᠦᠯᠦᠪᠵᠢᠭᠦᠯᠭᠡ ᠵᠢᠴᠢ ᠮᠢᠩᠭᠠᠲᠤ ᠪᠠᠯᠭᠠᠰᠤᠨ ᠤ ᠬᠤᠲᠠ ᠶᠢᠨ ᠳᠦᠷᠢ ᠳᠦᠷᠬᠦ ᠶᠢᠨ ᠤᠨᠴᠢᠯᠢᠭᠲᠤ | ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠪᠡᠶᠡᠯᠡᠭᠦᠯᠦᠨ᠎ᠡ︔ ᠬᠤᠶᠠᠷ ᠲᠤ᠂ ᠮᠢᠩᠭᠠᠲᠦ ᠪᠠᠯᠭᠠᠰᠤᠨ ᠤ 1350 | ᠪᠤᠷᠤ ᠭᠡᠷ ᠲᠤᠭᠤᠷᠢᠭ ᠢ ᠵᠠᠰᠠᠨ ᠦᠭᠡᠷᠡᠴᠢᠯᠡᠨ᠎ᠡ︔ ᠭᠤᠷᠪᠠ ᠳᠤ᠂ 13 ᠬᠠᠭᠤᠴᠢᠨ ᠪᠠᠭ᠎ᠠ ᠲᠤᠭᠤᠷᠢᠭ ᠤᠨ | ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠵᠤ᠂ ᠬᠠᠭᠤᠴᠢᠨ ᠪᠠᠭ᠎ᠠ ᠲᠤᠭᠤᠷᠢᠭ ᠤᠨ ᠬᠠᠲᠠᠭᠤᠷᠤᠯᠲᠠ | ᠂ ᠨᠤᠭᠤᠭᠠᠷᠠᠭᠤᠯᠲᠠ᠂ ᠭᠡᠷᠡᠯᠲᠦᠭᠦᠯᠭᠡ ᠪᠤᠯᠤᠨ ᠤᠰᠤ ᠬᠠᠩᠭᠠᠬᠤ ᠭᠠᠳᠠᠭᠰᠢᠯᠠᠭᠤᠯᠬᠤ ᠲᠤᠤᠷ ᠬᠤᠭᠤᠯᠠᠢ ᠤᠨ ᠵᠠᠰᠠᠨ | ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ︔ ᠲᠦᠷᠪᠡ ᠳᠤ᠂ ᠴᠢᠳᠠᠪᠤᠷᠢᠲᠠᠨ ᠬᠦᠮᠦᠵᠢᠭᠦᠯᠬᠦ ᠵᠠᠮ ᠤᠨ | ᠬᠦᠭᠦᠷᠭᠡ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠤ᠂ ᠬᠤᠲᠠ ᠶᠢᠨ ᠪᠠᠶᠢᠭᠤᠯᠤᠯᠲᠠ ᠶᠢᠨ ᠵᠠᠰᠠᠮᠠᠯ | ᠵᠠᠮ ᠤᠨ ᠵᠠᠰᠠᠨ ᠬᠠᠮᠢᠶᠠᠷᠠᠬᠤ ᠪᠠ ᠶᠠᠪᠠᠭᠠᠨ ᠵᠠᠮ ᠤᠨ ᠲᠤᠭᠤᠰᠬ᠎ᠠ ᠳᠡᠪᠢᠰᠬᠦ ᠠᠵᠢᠯ ᠢ ᠰᠠᠶᠢᠳᠤᠷ ᠬᠢᠨ᠎ᠡ︔ ᠲᠠᠪᠤ ᠳᠤ | ᠂ ᠮᠢᠩᠭᠠᠲᠦ ᠪᠠᠯᠭᠠᠰᠤᠨ ᠤ ᠭᠤᠤᠯᠳᠠᠯᠭ᠎ᠠ ᠲᠠᠢ ᠤᠷᠴᠢᠨ ᠲᠤᠭᠤᠷᠢᠨ ᠳᠤ ᠨᠤᠭᠤᠭᠠᠷᠠᠭᠤᠯᠲᠠ ᠶᠢᠨ ᠢᠨᠵᠧᠨᠧᠷᠢᠩ ᠢ | ᠬᠡᠷᠡᠭᠵᠢᠭᠦᠯᠵᠤ᠂ ᠰᠢᠨ᠎ᠡ ᠪᠠᠷ 11 ᠲᠦᠮᠡᠨ ᠲᠡᠭᠰᠢ ᠲᠦᠷᠪᠡᠯᠵᠢᠨ ᠮᠧᠲᠷ ᠨᠤᠭᠤᠭᠠᠷᠠᠭᠤᠯᠤᠭᠰᠠᠨ ᠲᠠᠯᠠᠪᠠᠢ ᠶᠢ | ᠨᠡᠮᠡᠭᠳᠡᠭᠦᠯᠦᠨ᠎ᠠ︔ ᠵᠢᠷᠭᠤᠭ᠎ᠠ ᠳᠤ᠂ ᠪᠤᠵᠠᠷ ᠤᠰᠤᠨ ᠤ ᠬᠤᠭᠤᠯᠠᠢ ᠤᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠤ᠂ ᠪᠤᠷᠤᠭᠠᠨ ᠤ ᠤᠰᠤ᠂ ᠪᠤᠵᠠᠷ ᠤᠰᠤᠨ ᠤ ᠬᠤᠭᠤᠯᠠᠢ 42 ᠺᠢᠯᠤᠮᠧᠲᠷ ᠳᠡᠪᠢᠰᠵᠤ᠂ | ᠦᠭᠡᠷᠡᠴᠢᠯᠡᠵᠤ ᠨᠡᠪᠳᠡᠷᠡᠭᠦᠯᠦᠨ᠎ᠠ᠃ ᠰᠢᠨ᠎ᠠ ᠪᠠᠷ ᠪᠤᠵᠠᠷ ᠤᠰᠤ ᠲᠤᠩᠭᠠᠬᠤ ᠬᠤᠳᠳᠤᠭ 70 ᠶᠢ ᠮᠠᠯᠲᠠᠵᠤ᠂ 3 | ᠭᠠᠯ ᠰᠡᠷᠭᠡᠶᠢᠯᠡᠬᠦ ᠳᠡᠭᠡᠯᠠᠢ ᠭᠤᠭᠤᠵᠢᠭᠤᠷ᠂ 30 ᠭᠠᠯ ᠰᠡᠷᠭᠡᠶᠢᠯᠡᠬᠦ ᠲᠦᠬᠦᠭᠡᠷᠦᠮᠵᠢ ᠪᠠᠶᠢᠭᠤᠯᠤᠨ᠎ᠠ︔ ᠳᠤᠯᠤᠭ᠎ᠠ ᠳᠤ | ᠂ ᠳᠤᠮᠳᠠ ᠤᠰᠤᠨ ᠤ ᠦᠢᠯᠡᠳᠪᠦᠷᠢ ᠶᠢᠨ ᠪᠠᠶᠢᠭᠤᠯᠤᠯᠲᠠ ᠪᠠ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠢᠵᠢ ᠳᠦᠬᠦᠭᠡᠷᠦᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠨ᠎ᠡ︔ ᠨᠠᠢᠮᠠ ᠳᠤ᠂ 2.8 ᠲᠦᠮᠡᠨ | ᠲᠡᠭᠰᠢ ᠲᠦᠷᠪᠡᠯᠵᠢᠨ ᠮᠧᠲᠷ ᠰᠠᠭᠤᠵᠤ ᠪᠠᠶᠢᠭ᠎ᠠ ᠤᠷᠤᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ᠂ | ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ︔ ᠶᠢᠰᠦ ᠳᠤ᠂ ᠪᠤᠷᠤ ᠭᠡᠷ ᠲᠤᠭᠤᠷᠢᠭ ᠢ ᠵᠠᠰᠠᠨ ᠦᠭᠡᠷᠡᠴᠢᠯᠡᠬᠦ ᠪᠠ | ᠪᠠᠯᠭᠠᠰᠤᠨ ᠤ ᠨᠤᠭᠤᠭᠠᠷᠠᠭᠤᠯᠲᠠ ᠶᠢᠨ ᠢᠨᠵᠧᠨᠧᠷᠢᠩ ᠲᠠᠢ ᠤᠶᠠᠯᠳᠤᠭᠤᠯᠤᠨ᠂ ᠮᠢᠩᠭᠠᠲᠦ ᠪᠠᠯᠭᠠᠰᠤᠨ ᠤ ᠭᠤᠤᠯ | ᠭᠠᠷᠤᠴᠠ ᠵᠢᠴᠢ ᠤᠶᠢᠷ᠎ᠠ ᠬᠠᠪᠢ ᠶᠢᠨ ᠤᠷᠴᠢᠨ ᠲᠤᠭᠤᠷᠢᠨ ᠢ ᠵᠠᠰᠠᠨ ᠦᠭᠡᠷᠡᠴᠢᠯᠡᠨ᠎ᠠ︔ ᠠᠷᠪᠠ ᠳᠤ᠂ ᠠᠵᠤ | ᠠᠬᠤᠶᠢᠯᠠᠯ ᠤᠨ ᠪᠡᠯᠡ ᠮᠦᠩᠭᠦ ᠶᠢ ᠬᠤᠲᠠ ᠪᠠᠯᠭᠠᠰᠤᠨ ᠤ ᠪᠠᠶᠢᠭᠤᠯᠤᠯᠲᠠ ᠳᠤ ᠤᠷᠤᠯᠴᠠᠭᠤᠯᠬᠤ ᠶᠢ ᠢᠳᠡᠪᠬᠢᠲᠠᠢ | ᠳᠠᠲᠠᠵᠤ᠂ ᠲᠦᠪᠯᠡᠷᠡᠭᠦᠯᠦᠨ ᠳᠤᠯᠠᠭᠠᠯᠠᠭ᠎ᠠ ᠬᠠᠩᠭᠠᠬᠤ ᠢᠨᠵᠧᠨᠧᠷᠢᠩ ᠢ ᠵᠠᠰᠠᠨ ᠦᠷᠭᠡᠳᠬᠡᠬᠦ ᠪᠠ ᠭᠡᠷ ᠪᠠᠶᠢᠰᠢᠩ | ᠭᠠᠵᠠᠷ ᠬᠦᠷᠦᠩᠭᠡ ᠶᠢᠨ ᠨᠡᠭᠡᠭᠡᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠬᠤᠲᠠ ᠪᠠᠯᠭᠠᠰᠤᠨ ᠤ ᠨᠠᠷᠢᠯᠢᠭ | ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠤ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠬᠦᠯᠬᠦ ᠲᠤᠭᠲᠠᠴᠠ ᠶᠢ ᠲᠡᠭᠦᠯᠳᠡᠷᠵᠢᠭᠦᠯᠵᠤ᠂ ᠬᠤᠲᠠ ᠪᠠᠯᠭᠠᠰᠤᠨ ᠤ ᠶᠡᠷᠥᠩᠬᠡᠢ ᠬᠠᠮᠢᠶᠠᠷᠤᠯᠲᠠ ᠶᠢᠨ | ᠴᠢᠳᠠᠪᠦᠷᠢ ᠪᠠᠨ ᠳᠡᠭᠡᠭᠰᠢᠯᠡᠭᠦᠯᠦᠨ᠎ᠡ᠃ ᠪᠠᠭ᠎ᠠ ᠲᠤᠭᠤᠷᠢᠭ ᠤᠨ ᠠᠲᠠᠯ ᠠᠬᠤᠢ ᠶᠢᠨ ᠬᠠᠮᠢᠶᠠᠷᠤᠯᠲᠠ ᠪᠠᠨ | ᠴᠢᠩᠭᠠᠳᠬᠠᠵᠤ᠂ ᠠᠲᠠᠯ ᠠᠬᠤᠢ ᠶᠢᠨ ᠬᠠᠮᠢᠶᠠᠷᠤᠯᠲᠠ ᠶᠢᠨ ᠵᠠᠬ᠎ᠠ ᠳᠡᠯᠭᠡᠭᠦᠷᠴᠢᠯᠡᠬᠦ ᠲᠦᠷᠢᠮᠵᠢᠯ ᠲᠠᠢ ᠠᠵᠢᠯᠯᠠᠬᠤ ᠶᠢ | ᠵᠢᠯᠤᠭᠤᠳᠤᠨ᠎ᠠ᠃ ᠬᠤᠲᠠ ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠢ ᠶᠡᠷᠥᠩᠬᠡᠶᠢᠯᠡᠨ ᠵᠠᠰᠠᠬᠤ | ᠬᠦᠴᠤᠯᠡᠴᠡ ᠪᠠᠨ ᠨᠡᠮᠡᠭᠳᠡᠭᠦᠯᠵᠤ᠂ ᠤᠷᠴᠢᠨ ᠲᠤᠭᠤᠷᠢᠨ ᠤ ᠠᠷᠢᠭᠤᠨ ᠴᠡᠪᠡᠷ ᠢ ᠲᠦᠪᠯᠡᠷᠡᠭᠦᠯᠦᠨ ᠴᠡᠭᠴᠡᠯᠡᠬᠦ | ᠬᠦᠳᠡᠯᠭᠡᠭᠡᠨ ᠢ ᠢᠳᠡᠪᠬᠢᠲᠠᠢ ᠦᠷᠨᠢᠭᠦᠯᠦᠨ᠎ᠠ᠃ | — — ᠬᠤᠲᠠ ᠬᠦᠳᠡᠭᠡ ᠶᠢᠨ ᠰᠠᠭᠤᠷᠢ ᠳᠦᠬᠦᠭᠡᠷᠦᠮᠵᠢ ᠶᠢᠨ ᠨᠦᠬᠦᠴᠡᠯ ᠢ ᠬᠦᠴᠦᠯᠡᠨ | ᠰᠠᠶᠢᠵᠢᠷᠠᠭᠤᠯᠤᠨ᠎ᠠ᠃ ᠵᠠᠮ ᠬᠠᠷᠢᠯᠴᠠᠭᠠᠨ ᠤ ᠲᠠᠯ᠎ᠠ ᠪᠠᠷ᠄ ᠵᠢᠢ ᠲᠥᠩ ᠲᠡᠮᠦᠷ ᠵᠠᠮ ᠢ ᠦᠷᠭᠡᠳᠬᠡᠨ ᠪᠠᠶᠢᠭᠤᠯᠬᠤ | ᠢᠨᠵᠧᠨᠧᠷᠢᠩ ᠤᠨ ᠬᠤᠶᠢᠨᠠᠬᠢ ᠠᠵᠢᠯ ᠢ ᠪᠦᠬᠦ ᠲᠠᠯ᠎ᠠ ᠪᠠᠷ ᠪᠡᠶᠠᠯᠡᠭᠦᠯᠦᠨᠡ᠃ ᠤᠯᠤᠰ ᠤᠨ ᠵᠠᠮ ᠤᠨ 510 ᠱᠤᠭᠤᠮ | ᠤᠨ ᠮᠢᠩᠭᠠᠲᠦ ᠠᠴᠠ ᠬᠠᠪᠢᠷᠭ᠎ᠠ ᠬᠦᠷᠬᠦ ᠭᠡᠰᠡᠭ︔ ᠮᠤᠵᠢ ᠶᠢᠨ ᠵᠠᠮ ᠤᠨ 222 ᠱᠤᠭᠤᠮ ᠤᠨ ᠮᠢᠩᠭᠠᠲᠦ ᠠᠴᠠ | ᠤᠯᠠᠭᠠᠨᠴᠠᠪ ᠬᠦᠷᠬᠦ ᠭᠡᠰᠡᠭ︔ ᠮᠤᠵᠢ ᠶᠢᠨ ᠵᠠᠮ ᠤᠨ 313 ᠱᠤᠭᠤᠮ ᠤᠨ ᠮᠢᠩᠭᠠᠲᠦ ᠠᠴᠠ ᠰᠢᠨᠡᠪᠤᠯᠠᠭ ᠬᠦᠷᠬᠦ | ᠭᠡᠰᠡᠭ ᠤᠨ ᠦᠭᠡᠷᠡᠴᠢᠯᠡᠨ ᠪᠠᠶᠢᠭᠤᠯᠬᠤ ᠢᠨᠵᠧᠨᠧᠷᠢᠩ ᠪᠠ ᠰᠢᠶᠠᠨ ᠤ ᠵᠠᠮ ᠤᠨ 518 ᠱᠤᠭᠤᠮ ᠤᠨ ᠮᠢᠩᠭᠠᠲᠦ | ᠠᠴᠠ ᠰᠢᠩ ᠶᠣᠣ ᠬᠦᠷᠬᠦ ᠭᠡᠰᠡᠭ ᠤᠨ ᠶᠡᠭᠡ ᠳᠤᠮᠳᠠ ᠬᠡᠮᠵᠢᠶᠡᠨ ᠤ ᠵᠠᠰᠠᠯᠲᠠ ᠶᠢᠨ ᠢᠨᠵᠧᠨᠧᠷᠢᠩ ᠢ ᠡᠬᠢᠯᠡᠨ | ᠬᠡᠷᠡᠭᠵᠢᠭᠦᠯᠦᠨ᠎ᠡ᠃ ᠲᠤᠰᠬᠤᠨ ᠳᠤ ᠨᠡᠪᠲᠡᠷᠡᠬᠦ ᠵᠠᠮ ᠢ 72.1 ᠺᠢᠯᠤᠮᠧᠲᠷ ᠵᠠᠰᠠᠨ᠎ᠠ᠃ ᠤᠰᠤᠨ ᠠᠰᠢᠭᠯᠠᠯᠲᠠ ᠶᠢᠨ | ᠲᠠᠯ᠎ᠠ ᠪᠠᠷ᠄ ᠮᠢᠩᠭᠠᠲᠦ ᠪᠠᠯᠭᠠᠰᠤᠨ ᠳᠤ ᠤᠰᠤ ᠲᠠᠲᠠᠬᠤ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠤ᠂ ᠵᠢᠯ ᠤᠨ | ᠲᠤᠲᠤᠷ᠎ᠠ ᠠᠰᠢᠭᠯᠠᠯᠲᠠ ᠳᠤ ᠤᠷᠤᠬᠤ ᠶᠢ ᠪᠠᠲᠤᠯᠠᠨ᠂ ᠤᠰᠤ ᠬᠠᠩᠭᠠᠬᠤ ᠴᠢᠳᠠᠪᠦᠷᠢ ᠶᠢ ᠳᠡᠭᠡᠭᠰᠢᠯᠡᠭᠦᠯᠦᠨ᠎ᠠ᠃ | ᠮᠢᠩᠭᠠᠲᠦ ᠪᠠᠯᠭᠠᠰᠤ᠂ ᠴᠠᠭᠠᠨ ᠪᠤᠮᠪᠤ ᠶᠢᠨ ᠤᠰᠤᠨ ᠤ ᠡᠬᠢ ᠰᠤᠷᠪᠤᠯᠵᠢ ᠶᠢᠨ ᠭᠠᠵᠠᠷ ᠪᠠ ᠮᠢᠩᠭᠠᠲᠦ ᠠᠵᠤ | ᠦᠢᠯᠡᠳᠪᠦᠷᠢ ᠶᠢᠨ ᠲᠤᠭᠤᠷᠢᠭ ᠤᠨ ᠭᠠᠵᠠᠷ ᠳᠤᠤᠷᠠᠬᠢ ᠤᠰᠤᠨ ᠳᠤ ᠰᠢᠨᠵᠢᠨ ᠪᠠᠶᠢᠴᠠᠭᠠᠬᠤ ᠠᠵᠢᠯ ᠢ ᠦᠷᠨᠢᠭᠦᠯᠵᠤ᠂ | ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠴᠠᠬᠢᠯᠭᠠᠨ ᠬᠦᠴᠦᠨ ᠤ ᠲᠠᠯ᠎ᠠ ᠪᠠᠷ᠄ ᠬᠠᠨ ᠬᠠᠢ ᠬᠤᠤᠰ | ᠪᠤᠴᠠᠭᠠᠨ ᠬᠦᠷᠭᠡᠬᠦ ᠱᠤᠭᠤᠮ ᠪᠠ ᠮᠢᠩᠭᠠᠲᠦ ᠠᠴᠠ ᠲᠤᠱᠢ ᠬᠦᠷᠬᠦ 110 ᠺᠢᠯᠤᠸᠠᠲ ᠬᠤᠤᠰ ᠪᠤᠴᠠᠭᠠᠨ ᠬᠦᠷᠭᠡᠬᠦ | ᠴᠠᠬᠢᠯᠭᠠᠨ ᠱᠤᠭᠤᠮ ᠤᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠤ᠂ ᠪᠠᠷᠠᠭᠤᠨ ᠲᠡᠭᠦᠷᠭᠡ ᠶᠢᠨ 110 | ᠺᠢᠯᠤᠸᠠᠲ ᠤᠨ ᠬᠦᠴᠦᠳᠡᠯ ᠬᠤᠪᠢᠰᠬᠠᠭᠴᠢ ᠶᠢᠨ ᠪᠠᠭᠲᠠᠭᠠᠮᠵᠢ ᠶᠢ ᠨᠡᠮᠡᠭᠳᠡᠭᠦᠯᠦᠨ ᠦᠭᠡᠷᠡᠴᠢᠯᠡᠬᠦ ᠢᠨᠵᠧᠨᠧᠷᠢᠩ ᠢ | ᠪᠡᠶᠡᠯᠡᠭᠦᠯᠦᠨ᠎ᠡ︔ ᠮᠠᠯᠵᠢᠬᠤ ᠤᠷᠤᠨ ᠤᠨᠴᠠᠭᠠᠶᠢᠯᠠᠨ ᠬᠤᠶᠢᠳᠦ ᠭᠡᠰᠡᠭ ᠤᠨ ᠡᠯᠡᠰᠤᠷᠬᠡᠭ ᠤᠷᠤᠨ ᠤ ᠰᠠᠯᠬᠢᠨ ᠭᠡᠷᠡᠯ | ᠬᠠᠷᠢᠯᠴᠠᠨ ᠨᠦᠬᠦᠪᠦᠷᠢᠯᠡᠬᠦ ᠴᠠᠬᠢᠯᠭᠠᠨ ᠬᠠᠩᠭᠠᠬᠤ ᠳᠦᠬᠦᠭᠡᠷᠦᠮᠵᠢ ᠶᠢ ᠦᠭᠡᠷᠡᠴᠢᠯᠡᠬᠦ ᠢᠨᠵᠧᠨᠧᠷᠢᠩ ᠢ ᠦᠷᠬᠦᠯᠵᠢᠯᠡᠨ | ᠬᠡᠷᠡᠭᠵᠢᠬᠦᠯᠵᠤ᠂ 10 ᠺᠢᠯᠤᠸᠠᠲ ᠶᠢᠨ ᠴᠠᠬᠢᠯᠭᠠᠨ ᠤᠲᠠᠰᠤ ᠶᠢ 80 ᠺᠢᠯᠥᠮᠧᠲᠷ᠂ 0.4 ᠺᠢᠯᠥᠸᠠᠲ ᠶᠢᠨ | ᠴᠠᠬᠢᠯᠭᠠᠨ ᠤᠲᠠᠰᠤ ᠶᠢ 28 ᠺᠢᠯᠤᠮᠧᠲᠷ ᠲᠠᠲᠠᠨ᠎ᠠ᠃ | ︵ᠳᠦᠷᠪᠡ︶ ᠠᠮᠢ ᠠᠬᠤᠢ ᠤᠨ ᠪᠤᠯᠪᠠᠰᠤᠨ ᠤ ᠪᠠᠶᠢᠭᠤᠯᠤᠯᠲᠠ ᠢ ᠲᠦᠷᠭᠡᠳᠬᠡᠨ ᠠᠬᠢᠭᠤᠯᠵᠤ᠂ | ᠦᠷᠭᠦᠯᠵᠢᠯᠡᠭᠦᠶᠢᠴᠡ ᠬᠦᠭᠵᠢᠯᠲᠠ ᠶᠢᠨ ᠴᠢᠳᠠᠪᠦᠷᠢ ᠪᠠᠨ ᠨᠡᠮᠡᠭᠳᠡᠭᠦᠯᠦᠨ᠎ᠠ | ᠠᠵᠤ ᠠᠬᠤᠢ ᠤᠨ ᠬᠦᠭᠵᠢᠯᠲᠠ ᠪᠠ ᠠᠮᠢ ᠠᠬᠤᠢ ᠤᠨ ᠬᠠᠮᠠᠭᠠᠯᠠᠯᠲᠠ ᠶᠢ ᠵᠤᠬᠢᠴᠠᠩᠭᠤᠢ ᠬᠦᠭᠵᠢᠭᠦᠯᠬᠦ ᠵᠠᠷᠴᠢᠮ | ᠶᠤᠰᠤᠭᠠᠷ᠂ ᠰᠢᠨ᠎ᠡ《 ᠤᠷᠴᠢᠨ ᠲᠤᠭᠤᠷᠢᠨ ᠢ ᠬᠠᠮᠠᠭᠠᠯᠠᠬᠤ ᠬᠠᠤᠯᠢ》 ᠶᠢ ᠨᠢᠮᠪᠠᠢ ᠲᠤᠤᠱᠠᠯᠠᠭᠤᠯᠤᠨ᠂《 | ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠲᠠᠷᠢᠶᠠᠯᠠᠬᠤ ᠤᠷᠤᠨ ᠤ ᠮᠠᠯᠵᠢᠬᠤ ᠶᠢ ᠵᠤᠭᠰᠤᠭᠠᠬᠤ ᠬᠠᠮᠢᠶᠠᠷᠤᠯᠲᠠ | ᠶᠢᠨ ᠠᠷᠭ᠎ᠠ》᠂《 ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠮᠢ ᠠᠬᠤᠢ ᠶᠢ ᠵᠠᠰᠠᠬᠤ ᠬᠢᠭᠡᠳ ᠬᠠᠮᠠᠭᠠᠯᠠᠬᠤ | ᠢᠨᠵᠧᠨᠧᠷᠢᠩ ᠤᠨ ᠲᠦᠷᠦᠯ ᠵᠦᠢᠯ ᠤᠨ ᠤᠷᠤᠨ ᠤ ᠬᠠᠮᠢᠶᠠᠷᠤᠯᠲᠠ ᠶᠢᠨ ᠠᠷᠭ᠎ᠠ》ᠪᠠ《 ᠰᠢᠯᠤᠭᠤᠨ ᠬᠦᠪᠡᠭᠡᠲᠦ | ᠴᠠᠭᠠᠨ ᠬᠤᠰᠢᠭᠤᠨ ᠤ ᠦᠨᠳᠦᠷ ᠤᠨᠠᠯᠲᠠᠳᠦ ᠡᠪᠡᠰᠤ ᠪᠤᠷᠳᠤᠭᠠᠨ ᠰᠠᠭᠤᠷᠢᠨ ᠭᠠᠵᠠᠷ ᠤᠨ ᠬᠠᠮᠢᠶᠠᠷᠤᠯᠳᠠ ᠶᠢᠨ | ᠲᠦᠷᠢᠮ ︵ᠲᠤᠷᠰᠢᠨ ᠬᠡᠷᠡᠭᠯᠡᠬᠦ︶》 ᠢ ᠴᠢᠩᠭ᠎ᠠ ᠬᠡᠷᠡᠭᠵᠢᠭᠦᠯᠦᠨ᠂ ᠲᠠᠯ᠎ᠠ ᠨᠤᠲᠤᠭ ᠤᠨ ᠠᠮᠢ ᠠᠬᠤᠢ ᠤᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠠᠮᠤᠭ ᠴᠢᠩᠭ᠎ᠠ ᠡᠵᠡᠮᠳᠡᠨ ᠬᠠᠮᠢᠶᠠᠷᠠᠬᠤ ᠲᠦᠷᠢᠮ ᠢ | ᠬᠡᠷᠡᠭᠵᠢᠭᠦᠯᠦᠨ᠎ᠠ᠃ ᠨᠤᠲᠤᠭ ᠪᠡᠯᠴᠢᠭᠡᠷ ᠢ ᠳᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ᠂ ᠬᠢᠨᠠᠨ ᠵᠦᠪᠰᠢᠶᠡᠷᠡᠬᠦ | ᠲᠦᠷᠢᠮ ᠢ ᠴᠢᠩᠭ᠎ᠠ ᠬᠡᠷᠡᠭᠵᠢᠭᠦᠯᠵᠤ᠂ ᠨᠤᠲᠤᠭ ᠪᠡᠯᠴᠢᠭᠡᠷ ᠢ ᠬᠦᠳᠡᠯᠥᠩᠭᠦᠢ ᠬᠢᠨᠠᠨ ᠬᠡᠮᠵᠢᠬᠦ ᠪᠠ ᠲᠤᠭᠳᠠᠮᠠᠯ | ᠬᠤᠭᠤᠴᠠᠭ᠎ᠠ ᠲᠠᠢ ᠨᠡᠶᠢᠲᠡᠯᠡᠨ ᠮᠡᠳᠡᠭᠳᠡᠬᠦ ᠲᠦᠷᠢᠮ ᠢ ᠪᠠᠶᠢᠭᠤᠯᠥᠨ᠂ ᠬᠠᠤᠯᠢ ᠪᠤᠰᠤ ᠪᠠᠷ ᠬᠠᠭᠠᠯᠠᠪᠤᠷᠢᠯᠠᠬᠤ᠂ ᠳᠤᠷ᠎ᠠ | ᠪᠠᠷ ᠢᠶᠠᠨ ᠮᠠᠯᠲᠠᠵᠤ ᠰᠦᠢᠳᠭᠡᠬᠦ ᠵᠡᠷᠭᠡ ᠶᠢᠨ ᠲᠠᠯ᠎ᠠ ᠨᠤᠲᠤᠭ ᠤᠨ ᠠᠮᠢ ᠠᠬᠤᠢ ᠶᠢ ᠡᠪᠳᠡᠬᠦ ᠠᠵᠢᠯᠯᠠᠭ᠎ᠠ ᠶᠢ ᠡᠷᠡᠰ | ᠬᠤᠷᠢᠭᠯᠠᠨ᠎ᠠ᠃ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠤᠨ ᠱᠠᠩᠨᠠᠨ ᠨᠦᠭᠦᠪᠦᠷᠢᠯᠡᠬᠦ ᠲᠦᠷᠦ | ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠦᠪᠡᠷᠳᠡᠭᠡᠨ ᠵᠠᠰᠠᠬᠤ ᠤᠷᠤᠨ ᠤ《 ᠪᠡᠯᠴᠢᠭᠡᠷᠯᠡᠭᠦᠯᠬᠦ ᠶᠢ | ᠵᠤᠭᠰᠤᠭᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢᠨ ᠬᠢᠨᠠᠨ ᠬᠠᠮᠢᠶᠠᠷᠤᠯᠲᠠ ᠶᠢᠨ ᠠᠷᠭ᠎ᠠ》 ᠶᠢ ᠴᠢᠩᠭ᠎ᠠ | ᠬᠡᠷᠡᠭᠵᠢᠭᠦᠯᠵᠤ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠱᠠᠩᠨᠠᠨ ᠨᠦᠭᠦᠪᠦᠷᠢᠯᠡᠬᠦ ᠲᠦᠷᠦ ᠶᠢᠨ | ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠮᠠᠯᠵᠢᠬᠤ ᠶᠢ ᠵᠤᠭᠰᠤᠭᠠᠭᠰᠠᠨ ᠭᠠᠵᠠᠷ ᠨᠢ ᠵᠢᠩᠬᠢᠨᠢ ᠪᠠᠷ ᠮᠠᠯᠵᠢᠬᠤ ᠪᠠᠨ | ᠵᠤᠭᠰᠤᠬᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠭᠠᠵᠠᠷ ᠨᠢ ᠲᠡᠩᠴᠡᠭᠦᠷᠢ ᠪᠠᠨ ᠪᠠᠶᠡᠯᠠᠭᠦᠯᠬᠦ ᠶᠢ ᠪᠠᠲᠤᠯᠠᠨ᠎ᠠ᠃ | ᠨᠤᠲᠤᠭ ᠪᠡᠯᠴᠢᠭᠡᠷ ᠤᠨ ᠡᠷᠬᠡ ᠶᠢ ᠲᠤᠳᠤᠯᠠᠨ ᠲᠤᠭᠲᠠᠭᠠᠬᠤ ᠠᠵᠢᠯ ᠢ ᠦᠷᠭᠦᠯᠵᠢᠯᠡᠨ ᠰᠠᠶᠢᠳᠤᠷ ᠬᠢᠵᠤ᠂ ᠳᠡᠭᠡᠷ᠎ᠡ | ᠬᠠᠭᠠᠰ ᠵᠢᠯ ᠦᠨᠳᠦᠰᠦᠨ ᠲᠡᠭᠡᠨ ᠳᠠᠭᠤᠰᠬᠠᠬᠤ ᠶᠢ ᠪᠠᠲᠤᠯᠠᠨ᠎ᠠ᠃ ᠨᠤᠲᠤᠭ ᠪᠡᠯᠴᠢᠭᠡᠷ ᠤᠨ ᠡᠵᠡᠭᠨᠡᠬᠦ ᠡᠷᠬᠡ ᠶᠢ | ᠰᠢᠯᠵᠢᠭᠦᠯᠬᠦ ᠠᠵᠢᠯᠯᠠᠭ᠎ᠠ ᠶᠢ ᠲᠦᠷᠢᠮᠵᠢᠭᠦᠯᠵᠤ᠂ ᠨᠤᠲᠤᠭ ᠪᠡᠯᠴᠢᠭᠡᠷ ᠢ ᠰᠢᠯᠵᠢᠭᠦᠯᠬᠦ ᠳᠠᠪᠴᠠᠩ ᠢ ᠪᠠᠶᠢᠭᠤᠯᠤᠨ᠎ᠠ᠃ | ᠬᠤᠶᠠᠳᠤᠭᠠᠷ ᠬᠤᠭᠤᠴᠠᠭᠠᠨ ᠤ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ᠂ ᠭᠤᠤᠯᠳᠠᠯᠭ᠎ᠠ ᠲᠠᠢ | ᠤᠷᠤᠨ ᠢ ᠨᠤᠭᠤᠭᠠᠷᠠᠭᠤᠯᠬᠤ ᠢᠨᠵᠧᠨᠧᠷᠢᠩ ᠢ ᠨᠢᠭᠡᠳᠦᠯᠲᠠᠢ ᠲᠦᠯᠦᠪᠵᠢᠭᠦᠯᠦᠨ ᠰᠠᠶᠢᠳᠤᠷ ᠬᠡᠷᠡᠭᠵᠢᠭᠦᠯᠦᠨ᠎ᠠ᠃ ᠵᠢᠯ | ᠤᠨ ᠲᠤᠲᠤᠷ᠎ᠠ 5.7 ᠲᠦᠮᠡᠨ ᠮᠤ᠋ ᠡᠯᠡᠰᠤᠨ ᠤ ᠡᠬᠢ ᠢ ᠵᠠᠰᠠᠵᠤ᠂ 0.2 ᠲᠦᠮᠡᠨ ᠮᠤ᠋ ᠭᠤᠤᠯᠳᠠᠯᠭ᠎ᠠ ᠲᠠᠢ ᠤᠷᠤᠨ ᠢ | ᠨᠤᠭᠤᠭᠠᠷᠠᠭᠤᠯᠤᠨ᠎ᠠ᠃ ᠲᠤᠮᠳᠠ ᠵᠢᠵᠢᠭ ᠭᠤᠤᠯ ᠤᠨ ᠤᠷᠤᠰᠬᠠᠯ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠣ᠂ | ᠤᠰᠤ ᠬᠡᠷᠡᠭᠯᠡᠬᠦ ᠶᠡᠷᠥᠩᠭᠡᠢ ᠬᠡᠮᠵᠢᠶ᠎ᠡ᠂ ᠤᠰᠤᠨ ᠤ ᠠᠰᠢᠭᠯᠠᠮᠵᠢ ᠶᠢ ᠡᠵᠡᠮᠳᠡᠬᠦ᠂ ᠤᠰᠤᠨ ᠤ ᠬᠡᠷᠡᠭᠴᠡᠭᠡᠨ ᠤ ᠤᠷᠤᠨ | ᠤ ᠪᠤᠵᠠᠷᠲᠠᠯ ᠢ ᠬᠢᠵᠠᠭᠠᠷᠯᠠᠬᠤ《 ᠭᠤᠷᠪᠠᠨ ᠤᠯᠠᠭᠠᠨ ᠱᠤᠭᠤᠮ》 ᠤᠨ ᠬᠢᠨᠠᠨ ᠰᠢᠯᠭᠠᠬᠤ ᠬᠠᠮᠢᠶᠠᠷᠤᠯᠲᠠ ᠶᠢᠨ | ᠲᠦᠷᠢᠮ ᠲᠤᠭᠲᠠᠭᠠᠯ ᠢ ᠴᠢᠩᠭᠠᠳᠬᠠᠨ᠎ᠠ᠃《 ᠭᠤᠷᠪᠠᠨ ᠲᠤᠭᠤᠷᠢᠭ ᠬᠤᠶᠠᠷ ᠱᠤᠭᠤᠮ》 ᠤᠨ ᠭᠠᠵᠠᠷ ᠰᠢᠨᠵᠢᠯᠡᠭᠡᠨ | ᠤ ᠤᠷᠴᠢᠨ ᠲᠤᠭᠤᠷᠢᠨ ᠢ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠵᠢᠯ ᠤᠨ ᠲᠤᠲᠤᠷ᠎ᠠ ᠭᠠᠵᠠᠷ ᠰᠢᠨᠵᠢᠯᠡᠭᠡᠨ | ᠤ ᠤᠷᠴᠢᠨ ᠲᠤᠭᠤᠷᠢᠨ ᠢ ᠰᠡᠷᠭᠦᠭᠡᠨ ᠵᠠᠰᠠᠬᠤ ᠲᠦᠷᠦᠯ ᠵᠦᠢᠯ 2 ᠢ ᠬᠡᠷᠡᠭᠵᠢᠭᠦᠯᠦᠨ᠎ᠡ᠃ ᠠᠭᠤᠷᠬᠠᠢ ᠤᠨ ᠤᠷᠤᠨ ᠢ | ᠵᠠᠰᠠᠬᠤ ᠵᠢᠯ ᠤᠨ ᠡᠭᠦᠷᠭᠡ ᠶᠢ ᠲᠤᠪᠤᠶᠢᠮ᠎ᠠ ᠠᠳᠬᠤᠵᠤ᠂ ᠠᠭᠤᠷᠬᠠᠢ ᠤᠨ ᠤᠷᠴᠢᠨ ᠲᠤᠭᠤᠷᠢᠨ ᠢ ᠵᠠᠰᠠᠬᠤ | ᠪᠠᠲᠤᠯᠠᠭ᠎ᠠ ᠶᠢᠨ ᠮᠦᠩᠭᠦ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠭᠤᠷᠬᠠᠢ ᠤᠨ ᠲᠤᠭᠤᠷᠢᠭ ᠢ ᠰᠡᠷᠭᠦᠭᠡᠵᠤ | ᠨᠤᠭᠤᠭᠠᠷᠠᠭᠤᠯᠬᠤ᠂ ᠬᠠᠶᠠᠭᠳᠠᠮᠠᠯ ᠰᠢᠷᠦᠢ ᠤᠨ ᠲᠠᠯᠠᠪᠠᠢ ᠶᠢ ᠵᠠᠰᠠᠬᠤ ᠪᠠᠷ ᠭᠤᠤᠯᠳᠠᠯᠭ᠎ᠠ ᠪᠤᠯᠭᠠᠨ᠂ ᠱᠠᠲᠤᠴᠢ | ᠴᠢᠨᠠᠷᠲᠠᠢ ᠵᠠᠰᠠᠬᠤ ᠬᠠᠷᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠠᠭᠤᠷᠬᠠᠢ ᠤᠨ ᠨᠡᠭᠡᠭᠡᠯᠲᠡ ᠶᠢᠨ ᠠᠮᠢ ᠠᠬᠤᠢ | ᠶᠢᠨ ᠤᠷᠴᠢᠨ ᠲᠤᠭᠤᠷᠢᠨ ᠳᠤ ᠦᠵᠡᠭᠦᠯᠬᠦ ᠨᠦᠯᠦᠭᠡ ᠶᠢ ᠬᠠᠮᠤᠭ ᠳᠤᠤᠷ᠎ᠠ ᠬᠡᠮᠵᠢᠶᠡᠨ ᠳᠤ ᠬᠦᠷᠭᠡᠬᠦ ᠪᠠᠷ ᠴᠢᠷᠮᠡᠶᠢᠨ᠎ᠠ | ᠃ ᠮᠢᠩᠭᠠᠲᠦ ᠠᠵᠤ ᠦᠢᠯᠡᠳᠪᠦᠷᠢ ᠶᠢᠨ ᠲᠤᠭᠤᠷᠢᠭ ᠤᠨ ᠤᠷᠴᠢᠨ ᠲᠤᠭᠤᠷᠢᠨ ᠤ ᠤᠳᠤᠬᠢ ᠪᠠᠶᠢᠳᠠᠯ ᠳᠤ ᠬᠢᠨᠠᠯᠲᠠ | ᠶᠢᠨ ᠴᠢᠨᠠᠷᠲᠠᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠳᠤᠷ ᠬᠢᠵᠤ᠂ ᠲᠤᠷ᠎ᠠ ᠪᠠᠷ ᠢᠶᠠᠨ ᠪᠤᠯᠠᠵᠤ | ᠤᠷᠤᠰᠢᠭᠤᠯᠬᠤ ᠶᠢ ᠠᠷᠢᠯᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠦᠨ᠂ ᠠᠮᠢ ᠠᠬᠤᠢ ᠤᠨ | ᠨᠡᠶᠢᠲᠡ ᠶᠢᠨ ᠤᠩᠭᠤᠨ ᠪᠠ ᠤᠷᠤᠰᠢᠭᠤᠯᠭ᠎ᠠ ᠶᠢᠨ ᠭᠠᠵᠠᠷ ᠬᠠᠶᠢᠯᠤᠭᠤᠯᠬᠤ ᠭᠠᠵᠠᠷ ᠤᠨ ᠪᠠᠶᠢᠭᠤᠯᠤᠯᠲᠠ ᠶᠢ | ᠡᠬᠢᠯᠡᠭᠦᠯᠦᠨ᠎ᠠ᠃ | ︵ᠲᠠᠪᠤ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠵᠤ᠂ ᠠᠷᠠᠳ | ᠤᠯᠠᠨ ᠤ ᠵᠤᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠠ | ᠠᠷᠠᠳ ᠤᠨ ᠭᠦᠰᠡᠯ ᠢᠶᠠᠷ ᠵᠠᠰᠠᠭ ᠪᠠᠷᠢᠬᠤ ᠴᠢᠭᠯᠡᠯ ᠢᠶᠠᠨ ᠪᠤᠯᠭᠠᠵᠤ᠂ ᠠᠷᠠᠳ ᠤᠨ ᠠᠮᠢᠳᠤᠷᠠᠯ ᠳᠠᠬᠢ ᠪᠡᠯᠡ | ᠤᠷᠤᠭᠤᠯᠤᠯᠲᠠ ᠶᠢ ᠤᠷᠢᠳᠠᠪᠡᠷ ᠪᠠᠲᠤᠯᠠᠵᠤ᠂ ᠠᠷᠠᠳ ᠤᠨ ᠠᠮᠢᠳᠤᠷᠠᠯ ᠤᠨ ᠵᠢᠷᠭᠤᠭᠠᠨ ᠲᠦᠷᠦᠯ ᠤᠨ ᠢᠨᠵᠧᠨᠧᠷᠢᠩ | ᠢ ᠭᠤᠤᠯᠳᠠᠯᠭ᠎ᠠ ᠲᠠᠢ ᠬᠡᠷᠡᠭᠵᠢᠬᠦᠯᠦᠨ᠎ᠡ᠃ ᠨᠢᠭᠡ ᠳᠤ᠂ ᠶᠠᠳᠠᠭᠤ ᠶᠢ ᠲᠡᠳᠬᠦᠬᠦ ᠪᠤᠭᠤᠮᠳᠠ ᠰᠢᠪᠲᠤᠯᠠᠬᠤ | ᠢᠨᠵᠧᠨᠧᠷᠢᠩ᠃ ᠠᠶᠢᠮᠠᠭ ᠠᠴᠠ 2016 ᠤᠨ ᠪᠤᠯᠬᠤ ᠳᠤ ᠬᠠᠷᠢᠴᠠᠯᠠᠰᠢ ᠦᠭᠡᠢ ᠶᠠᠳᠠᠭᠤ ᠪᠠᠶᠢᠳᠠᠯ ᠢ ᠦᠨᠳᠦᠰᠦᠨ | ᠳᠤᠨᠢ ᠠᠷᠢᠯᠭᠠᠵᠤ᠂ ᠤᠷᠤᠨ ᠤ ᠲᠡᠰ ᠤᠨ ᠶᠠᠳᠠᠭᠤ ᠬᠤᠰᠢᠭᠤ ᠶᠢ ᠶᠠᠳᠠᠭᠤ ᠠᠴᠠ ᠠᠩᠭᠢᠵᠢᠷᠠᠭᠤᠯᠵᠤ᠂ 2019 | ᠤᠨ ᠪᠤᠯᠬᠤ ᠳᠤ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠮᠠ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠵᠤ | ᠂ ᠤᠯᠤᠰ ᠤᠨ ᠲᠡᠰ ᠤᠨ ᠶᠠᠳᠠᠭᠤ ᠬᠤᠰᠢᠭᠤ ᠶᠢ ᠠᠷᠢᠯᠭᠠᠬᠤ ᠪᠠᠷ ᠲᠦᠯᠦᠪᠯᠡᠵᠤ᠂《 ᠬᠤᠶᠠᠷ ᠠᠴᠠ ᠵᠤᠪᠠᠭ᠋ᠤ ᠦᠭᠡᠢ | ᠂ ᠭᠤᠷᠪᠠ ᠶᠢ ᠪᠠᠲᠤᠯᠠᠬᠤ》 ᠶᠢ ᠪᠡᠶᠡᠯᠡᠭᠦᠯᠦᠨ᠎ᠡ᠃ ᠮᠠᠨ ᠤ ᠬᠤᠰᠢᠭᠤᠨ ᠤ ᠶᠠᠳᠠᠭᠤ ᠶᠢ ᠳᠡᠳᠭᠦᠭᠦ ᠪᠤᠭᠤᠮᠳᠠ | ᠰᠢᠪᠲᠤᠯᠠᠬᠤ ᠶᠢᠨ ᠳᠠᠷᠤᠯᠲᠠ ᠲᠤᠩ ᠬᠦᠨᠳᠦ ᠪᠠᠶᠢᠨ᠎ᠠ᠃ ᠦᠨᠦ ᠵᠢᠯ᠂ ᠶᠠᠳᠠᠭᠤ ᠶᠢ ᠲᠡᠳᠬᠦᠬᠦ ᠪᠡᠯᠡ ᠮᠦᠩᠭᠦ ᠤᠯᠬᠤ | ᠬᠦᠴᠥᠯᠡᠴᠡ ᠪᠠᠨ ᠦᠷᠭᠦᠯᠵᠢᠯᠡᠨ ᠨᠡᠮᠡᠭᠳᠡᠭᠦᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠴᠡᠭ ᠲᠤᠭᠲᠠᠭᠠᠨ | ᠶᠠᠳᠠᠭᠤ ᠶᠢ ᠲᠡᠳᠬᠦᠬᠦ᠂ ᠤᠨᠤᠪᠴᠢᠲᠠᠢ ᠪᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡ ᠪᠠᠷ ᠶᠠᠳᠠᠭᠤ ᠶᠢ | ᠲᠡᠳᠬᠦᠬᠦ᠂ ᠰᠤᠷᠭᠠᠨ ᠭᠦᠮᠦᠵᠢᠯ ᠢᠶᠠᠷ ᠶᠠᠳᠠᠭᠤ ᠶᠢ ᠲᠡᠳᠬᠦᠬᠦ ᠵᠡᠷᠭᠡ ᠡᠯ᠎ᠡ ᠲᠦᠷᠦᠯ ᠤᠨ ᠢᠨᠵᠧᠨᠧᠷᠢᠩ ᠢ | ᠨᠢᠭᠡᠲᠦᠯᠲᠠᠢ ᠲᠦᠯᠦᠪᠵᠢᠭᠦᠯᠦᠨ ᠬᠡᠷᠡᠭᠵᠢᠭᠦᠯᠦᠨ᠎ᠠ᠃ 900 ᠲᠦᠮᠡᠨ ᠲᠦᠬᠦᠷᠢᠭ ᠤᠷᠤᠭᠤᠯᠵᠤ᠂ 20 ᠭᠠᠴᠠᠭ᠎ᠠ | ᠲᠤᠰᠬᠤᠨ ᠳᠤ《 ᠭᠤᠷᠪᠠ ᠶᠢ ᠲᠤᠰᠬᠤᠨ ᠳᠤ ᠭᠦᠷᠭᠡᠬᠦ᠂ ᠭᠤᠷᠪᠠ ᠶᠢ ᠡᠷᠦᠬᠡ ᠳᠤ ᠭᠦᠷᠭᠡᠬᠦ》ᠤᠨᠤᠪᠴᠢᠲᠠᠢ ᠪᠠᠷ | ᠶᠠᠳᠠᠭᠤ ᠶᠢ ᠲᠡᠳᠬᠦᠬᠦ ᠲᠦᠷᠦᠯ ᠵᠦᠢᠯ ᠢ ᠬᠡᠷᠡᠭᠵᠢᠭᠦᠯᠦᠨ᠎ᠡ᠂ ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠤ | ᠠᠷᠠᠳ ᠢ ᠪᠠᠶᠠᠵᠢᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠤ᠂ ᠶᠠᠳᠠᠭᠤ ᠶᠢ ᠲᠡᠳᠬᠦᠬᠦ ᠵᠢᠭᠡᠯᠯᠡᠭᠡ ᠶᠢ 1 | ᠳ᠋ᠦᠩᠰᠢᠭᠤᠷ ᠲᠦᠬᠦᠷᠢᠭ ᠳᠠᠷᠬᠠᠭᠠᠨ᠎ᠠ︔ 360 ᠶᠠᠳᠠᠭᠤ ᠭᠦᠴᠢᠷᠲᠠᠢ ᠬᠦᠮᠦᠨ ᠠᠮᠠ ᠳᠤ ᠮᠡᠷᠭᠡᠵᠢᠯ ᠤᠨ | ᠪᠤᠯᠪᠠᠰᠤᠷᠠᠯ ᠭᠦᠷᠲᠡᠭᠡᠨ᠂ ᠮᠠᠯᠴᠢᠨ ᠲᠠᠷᠢᠶᠠᠴᠢᠨ ᠤ ᠠᠵᠢᠯ ᠤᠯᠭᠤᠯᠲᠠ ᠦᠢᠯᠡᠰ ᠪᠦᠲᠦᠭᠡᠬᠦ ᠳᠤ ᠲᠦᠰᠢᠭᠯᠡᠨ | ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔ ᠤᠳᠤ ᠪᠠᠶᠢᠭᠤᠯᠵᠤ ᠪᠠᠶᠢᠭ᠎ᠠ | ᠠᠵᠤ ᠠᠬᠤᠶᠢᠯᠠᠯ ᠲᠠᠢ ᠬᠠᠷᠢᠯᠴᠠᠨ᠂ ᠠᠵᠢᠯ ᠤᠨ ᠪᠠᠶᠢᠷᠢ ᠨᠡᠮᠡᠭᠳᠡᠭᠦᠯᠭᠦ᠂ ᠮᠠᠯ ᠠᠵᠤ ᠠᠬᠤᠢ ᠲᠠᠷᠢᠶᠠᠯᠠᠩ ᠤᠨ | ᠪᠦᠲᠦᠴᠡ ᠶᠢ ᠲᠤᠬᠢᠷᠠᠭᠤᠯᠵᠤ᠂ ᠮᠠᠯ ᠲᠠᠷᠢᠶᠠᠯᠠᠩ ᠤᠨ ᠠᠰᠢᠭ ᠤᠷᠤᠯᠭ᠎ᠠ ᠶᠢ ᠨᠡᠮᠡᠭᠳᠡᠭᠦᠯᠭᠦ ᠵᠡᠷᠭᠡ ᠠᠷᠭ᠎ᠠ ᠬᠡᠯᠪᠡᠷᠢ | ᠪᠠᠷ ᠳᠠᠮᠵᠢᠨ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠦᠨ᠎ᠡ᠃ ᠤᠯᠤᠰ ᠤᠨ ᠲᠤᠭ᠎ᠠ ᠪᠦᠷᠢᠳᠬᠡᠯ ᠤᠨ | ᠲᠤᠪᠴᠢᠶ᠎ᠠ ᠪᠠ ᠤᠷᠤᠨ ᠤ ᠤᠷᠴᠢᠨ ᠲᠤᠭᠤᠷᠢᠨ ᠢ ᠬᠠᠮᠠᠭᠠᠯᠠᠬᠤ ᠲᠢᠩᠬᠢᠮ ᠤᠨ ᠮᠠᠨ ᠤ ᠬᠤᠰᠢᠭᠤ ᠶᠢ ᠬᠠᠪᠰᠤᠷᠤᠨ | ᠲᠡᠳᠭᠦᠬᠦ ᠠᠰᠢᠭᠲᠠᠢ ᠲᠤᠬᠢᠶᠠᠯ ᠢ ᠭᠦᠢᠴᠡᠳ ᠠᠰᠢᠭᠯᠠᠵᠤ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠡᠶᠢᠨ᠎ᠠ᠃ | ᠵᠢᠯ ᠤᠨ ᠲᠤᠲᠤᠷ᠎ᠠ 3496 ᠬᠦᠮᠦᠨ ᠢ ᠲᠤᠭᠲᠠᠭᠤᠨ ᠪᠠᠷ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠨ᠎ᠠ᠃ | ᠬᠤᠶᠠᠷ ᠳᠤ᠂《ᠠᠷᠪᠠ ᠶᠢ ᠪᠦᠷᠬᠦᠭᠦᠯᠬᠦ ᠢᠨᠵᠧᠨᠧᠷᠢᠩ》᠃《 ᠲᠠᠷᠢᠶᠠᠯᠠᠬᠤ ᠤᠷᠤᠨ ᠳᠤ ᠨᠢᠭᠡ ᠪᠠᠶᠢᠭᠠᠯᠢᠭ | ᠲᠤᠰᠬᠤᠨ ᠢ ᠦᠯᠡᠳᠡᠭᠡᠬᠦ ᠦᠭᠡᠢ᠂ ᠮᠠᠯᠵᠢᠬᠤ ᠤᠷᠤᠨ ᠳᠤ ᠨᠢᠭᠡ ᠮᠠᠯᠵᠢᠯ ᠤᠨ ᠴᠡᠭ ᠢ ᠤᠷᠬᠢᠳᠠᠭᠤᠯᠬᠤ | ᠦᠭᠡᠢ》ᠶᠡᠷᠥᠩᠭᠡᠢ ᠱᠠᠭᠠᠷᠳᠠᠯᠭ᠎ᠠ ᠶᠤᠰᠤᠭᠠᠷ᠂ 5.98 ᠳ᠋ᠦᠩᠰᠢᠭᠤᠷ ᠲᠦᠭᠦᠷᠢᠭ ᠢ ᠬᠤᠷᠠᠮᠳᠤᠭᠤᠯᠵᠤ᠂ 15 | ᠵᠠᠰᠠᠭ ᠵᠠᠬᠢᠷᠭᠠᠨ ᠤ ᠲᠤᠰᠬᠤᠨ ᠪᠠ 448 ᠪᠠᠶᠢᠭᠠᠯᠢᠭ ᠲᠤᠰᠬᠤᠨ ︵ᠬᠤᠲᠠ︶ ᠶᠢ ᠪᠠᠶᠢᠭᠤᠯᠬᠤ ᠡᠭᠦᠷᠭᠡ ᠶᠢ | ᠪᠡᠶᠡᠯᠡᠭᠦᠯᠦᠨ᠎ᠠ᠃ ᠡᠭᠦᠨ ᠤ ᠬᠠᠮᠲᠦ 2014᠂ 2015 ᠤᠨ ᠤ ᠬᠡᠷᠡᠭᠵᠢᠭᠦᠯᠦᠭᠰᠡᠨ 62 ᠵᠠᠰᠠᠭ ᠵᠠᠬᠢᠷᠭᠠᠨ ᠤ | ᠭᠠᠴᠠᠭ᠎ᠠ ᠲᠤᠰᠬᠤᠨ ᠢ ᠲᠡᠰ ᠳᠡᠪᠰᠢᠭᠦᠯᠦᠨ᠎ᠠ᠃ ᠭᠤᠤᠯᠳᠠᠭᠤ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠲᠠᠢ | ᠤᠷᠤᠨ ᠰᠠᠭᠤᠴᠠ 3300 ᠶᠢ ᠵᠠᠰᠠᠨ ᠰᠡᠯᠪᠢᠵᠤ᠂ 78.1 ᠺᠢᠯᠤᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠠᠨ᠂ | 86 ᠬᠤᠳᠳᠤᠭ ᠢ ᠰᠢᠨ᠎ᠡ ᠪᠠᠷ ᠮᠠᠯᠲᠠᠵᠤ᠂ 13 ᠰᠠᠭᠤᠷᠢ ᠲᠦᠭᠡᠭᠡᠯ ᠤᠰᠤᠨ ᠤ ᠢᠨᠵᠧᠨᠧᠷᠢᠩ ᠢ ᠰᠢᠨ᠎ᠡ ᠪᠠᠷ | ᠪᠠᠶᠢᠭᠤᠯᠬᠤ ᠪᠤᠶᠤ ᠵᠠᠰᠠᠨ ᠰᠡᠯᠪᠢᠵᠤ᠂ ᠮᠠᠯᠵᠢᠬᠤ ᠲᠠᠷᠢᠶᠠᠯᠠᠬᠤ ᠤᠷᠤᠨ ᠤ 2000 ᠬᠦᠮᠦᠨ ᠠᠮᠠ ᠶᠢᠨ ᠠᠮᠤᠷ | ᠲᠦᠪᠰᠢᠨ ᠤᠰᠤᠨ ᠤ ᠠᠰᠠᠭᠤᠳᠠᠯ ᠢ ᠰᠢᠢᠳᠪᠦᠷᠢᠯᠡᠨ᠎ᠠ᠃ 519 ᠡᠷᠦᠬᠡ ᠶᠢᠨ ᠰᠠᠯᠬᠢᠨ ᠭᠡᠷᠡᠯ ᠬᠠᠷᠢᠯᠴᠠᠨ | ᠨᠦᠬᠦᠪᠦᠷᠢᠯᠡᠬᠦ ᠲᠦᠬᠦᠭᠡᠷᠦᠮᠵᠢ ᠶᠢ ᠲᠡᠰ ᠲᠡᠪᠰᠢᠭᠦᠯᠵᠦ᠂《 ᠡᠷᠦᠬᠡ ᠪᠤᠯᠭᠠᠨ ᠳᠤ ᠨᠡᠪᠲᠡᠷᠡᠭᠦᠯᠬᠦ》ᠷᠠᠳᠢᠤ᠋ ᠲᠧᠯᠸᠢᠰ | ᠬᠦᠯᠢᠶᠡᠨ ᠠᠪᠬᠤ ᠳᠦᠬᠦᠭᠡᠷᠥᠮᠵᠢ ᠶᠢ 1000 ᠢᠵᠢ ᠤᠭᠰᠠᠷᠠᠨ᠎ᠠ︔ ᠡᠭᠦᠨ ᠤ ᠬᠠᠮᠲᠤ ᠨᠤᠷᠠᠬᠤ ᠠᠶᠤᠯᠲᠠᠢ ᠰᠢᠪᠠᠷ | ᠭᠡᠷ᠂ ᠰᠢᠪᠠᠷ ᠫᠧᠩ᠂ ᠰᠢᠪᠠᠷ ᠬᠦᠷᠢᠶ᠎ᠡ ᠶᠢ ᠨᠤᠷᠠᠭᠠᠬᠤ᠂ ᠬᠦᠷᠢᠶᠡᠨ ᠤ ᠬᠡᠷᠡᠮ ᠢ ᠦᠭᠡᠷᠡᠴᠢᠯᠡᠬᠦ᠂ ᠭᠠᠵᠠᠷ ᠰᠢᠷᠦᠢ ᠢ | ᠲᠡᠭᠰᠢᠯᠡᠬᠦ᠂ ᠲᠤᠰᠬᠤᠨ ᠬᠤᠲᠠ ᠶᠢ ᠨᠤᠭᠤᠭᠠᠷᠠᠭᠤᠯᠬᠤ ᠵᠡᠷᠭᠡ ᠤᠷᠤᠰᠢᠨ ᠰᠠᠭᠤᠬᠤ ᠤᠷᠴᠢᠨ ᠲᠤᠭᠤᠷᠢᠨ ᠢ ᠵᠠᠰᠠᠨ | ᠴᠡᠭᠴᠡᠯᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ | ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠭᠤᠷᠪᠠ ᠳᠤ᠂ ᠨᠡᠶᠢᠭᠡᠮ ᠤᠨ ᠪᠠᠳᠤᠯᠠᠭ᠎ᠠ ᠶᠢᠨ ᠢᠨᠵᠧᠨᠧᠷᠢᠩ᠃ | ᠨᠡᠶᠢᠭᠡᠮ ᠤᠨ ᠲᠠᠭᠠᠳᠬᠠᠯ ᠤᠨ ᠪᠦᠷᠬᠦᠬᠦ ᠬᠡᠮᠵᠢᠶ᠎ᠡ ᠶᠢ ᠤᠯᠠᠮ ᠨᠢᠭᠡ ᠠᠯᠬᠤᠮ ᠦᠷᠭᠡᠳᠬᠡᠵᠤ᠂ ᠬᠤᠲᠠ ᠬᠦᠳᠡᠭᠡ ᠶᠢᠨ | ᠲᠤᠤᠷ᠎ᠠ ᠪᠠᠲᠤᠯᠠᠭ᠎ᠠ᠂ ᠬᠦᠳᠡᠭᠡ ᠲᠤᠰᠬᠤᠨ ᠤ《 ᠲᠠᠪᠤᠨ ᠪᠠᠲᠤᠯᠠᠭ᠎ᠠ 》ᠵᠡᠷᠭᠡ ᠨᠡᠶᠢᠭᠡᠮ ᠤᠨ ᠪᠠᠳᠤᠯᠠᠭᠠᠨ ᠤ | ᠨᠦᠬᠦᠪᠦᠷᠢ ᠶᠢᠨ ᠪᠠᠷᠢᠮᠵᠢᠶ᠎ᠠ ᠶᠢ ᠦᠰᠬᠡᠭᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠠᠯᠠᠭᠤᠯᠵᠤ᠂ ᠬᠤᠲᠠ | ᠬᠦᠳᠡᠭᠡ ᠶᠢᠨ ᠳᠤᠤᠷ᠎ᠠ ᠪᠠᠲᠤᠯᠠᠭᠠᠲᠤ ᠡᠷᠦᠬᠡ ᠪᠦᠷᠢ ᠳᠤ ᠬᠢᠨᠠᠨ ᠰᠢᠯᠭᠠᠯᠲᠠ ᠬᠢᠵᠤ᠂ ᠨᠠᠷᠢᠨ ᠤᠨᠤᠪᠴᠢᠲᠠᠢ᠂ ᠡᠷᠭᠡ | ᠳᠡᠭᠰᠢ ᠬᠦᠳᠡᠯᠥᠩᠭᠦᠢ ᠬᠠᠮᠢᠶᠠᠷᠤᠯᠲᠠ ᠬᠢᠬᠦ ᠶᠢ ᠪᠠᠲᠤᠯᠠᠨ᠎ᠠ᠃ ᠨᠡᠶᠢᠭᠡᠮ ᠲᠤᠭᠤᠷᠢᠭ ᠤᠨ ᠦᠢᠯᠡᠴᠢᠯᠡᠭᠡᠨ ᠤ | ᠴᠢᠳᠠᠪᠦᠷᠢ ᠶᠢ ᠲᠡᠭᠦᠯᠳᠡᠷᠵᠢᠭᠦᠯᠵᠤ᠂ ᠨᠠᠨ ᠱᠠᠨ ᠨᠡᠶᠢᠭᠡᠮ ᠲᠤᠭᠤᠷᠢᠭ ᠤᠨ ᠶᠡᠷᠥᠩᠭᠡᠶᠢᠯᠡᠭᠰᠡᠨ ᠦᠢᠯᠡᠴᠢᠯᠡᠭᠡᠨ ᠤ | ᠲᠦᠪ ᠢ ᠰᠢᠨ᠎ᠡ ᠪᠠᠷ ᠪᠠᠶᠢᠭᠤᠯᠤᠨ᠂ ᠨᠡᠶᠢᠭᠡᠮ ᠲᠤᠭᠤᠷᠢᠭ ᠤᠨ ᠠᠰᠢᠭᠯᠠᠯᠲᠠ ᠪᠤᠯᠤᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠨ᠎ᠠ᠃ ᠠᠯᠪᠠᠲᠠᠨ ᠳᠤ ᠲᠤᠰᠢᠶᠠᠯ ᠪᠤᠯᠤᠨ ᠲᠤᠰᠢᠶᠠᠯ ᠤᠨ ᠲᠡᠰ ᠢ ᠵᠡᠷᠭᠡᠪᠡᠷ ᠭᠡᠷᠡᠭᠵᠢᠭᠦᠯᠬᠦ | ᠪᠤᠯᠤᠨ ᠰᠤᠮᠤ ᠪᠠᠯᠭᠠᠰᠤᠨ ᠤ ᠦᠨᠳᠦᠰᠦᠨ ᠱᠠᠲᠦᠨ ᠤ ᠠᠵᠢᠯ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ ᠭᠦᠢᠴᠡᠳᠬᠡᠨ᠎ᠠ᠃ ᠦᠨᠳᠦᠷ ᠨᠠᠰᠤᠨ ᠤ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ | ᠦᠷᠭᠦᠯᠵᠢᠯᠡᠨ ᠬᠡᠷᠡᠭᠵᠢᠭᠦᠯᠵᠤ᠂ 60 ᠨᠠᠰᠤᠨ ᠠᠴᠠ ᠳᠡᠭᠡᠭᠰᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠰᠠᠷ᠎ᠠ ᠪᠦᠷᠢ ᠶᠢᠨ ᠳᠤᠮᠳᠠᠴᠢ ᠨᠠᠰᠤᠵᠢᠯ ᠤᠨ ᠠᠰᠠᠷᠠᠮᠵᠢ ᠶᠢᠨ ᠮᠦᠩᠭᠦᠨ ᠤ ᠬᠢᠷᠢ ᠲᠦᠪᠰᠢᠨ ᠢ ᠳᠡᠭᠡᠭᠰᠢᠯᠡᠭᠦᠯᠦᠨ | 110 ᠲᠦᠬᠦᠷᠢᠭ ᠳᠤ ᠬᠦᠷᠭᠡᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠠᠰᠠᠷᠠᠮᠵᠢ | ᠶᠢᠨ ᠲᠠᠭᠠᠳᠬᠠᠯ ᠳᠤ ᠤᠷᠤᠯᠴᠠᠭᠰᠠᠨ ᠨᠤᠷᠮ᠎ᠠ ᠶᠢ 80% ᠳᠤ ᠬᠦᠷᠭᠡᠨ᠎ᠡ᠃ ᠳᠤᠤᠷ᠎ᠠ ᠤᠷᠤᠯᠭ᠎ᠠ ᠲᠠᠢ ᠭᠡᠷ ᠪᠦᠯᠢ | ᠶᠢᠨ ᠤᠷᠤᠨ ᠰᠠᠭᠤᠴᠠ ᠶᠢᠨ ᠪᠠᠲᠤᠯᠠᠭ᠎ᠠ ᠶᠢᠨ ᠲᠦᠷᠢᠶᠡᠰᠤᠨ ᠮᠦᠩᠭᠦᠨ ᠤ ᠨᠦᠬᠦᠪᠦᠷᠢ ᠶᠢ 150 ᠲᠦᠮᠡᠨ | ᠲᠦᠬᠦᠷᠢᠭ ᠲᠠᠷᠬᠠᠭᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠡᠷᠴᠢᠮ ᠢᠶᠠᠨ ᠨᠡᠮᠡᠭᠳᠡᠭᠦᠯᠦᠨ᠂ ᠤᠨᠴᠠ ᠭᠦᠴᠢᠷᠲᠠᠢ | ᠭᠡᠷ ᠪᠦᠯᠢ᠂ ᠵᠡᠮᠳᠡᠭᠴᠤᠳ ᠵᠡᠷᠭᠡ ᠪᠠᠭᠤᠷᠠᠶᠢᠴᠤᠳ ᠤᠨ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠨ᠎ᠠ᠃ ᠵᠢᠯ ᠤᠨ | ᠲᠤᠳᠤᠷ᠎ᠠ ᠡᠯ᠎ᠡ ᠲᠦᠷᠦᠯ ᠤᠨ ᠠᠪᠤᠷᠠᠨ ᠳᠤᠰᠠᠯᠠᠬᠤ ᠨᠦᠬᠦᠪᠦᠷᠢ ᠮᠦᠩᠭᠦ ᠶᠢ 500 ᠲᠦᠮᠡᠨ ᠲᠦᠬᠦᠷᠢᠭ | ᠬᠤᠷᠠᠮᠳᠤᠭᠤᠯᠤᠨ ᠳᠠᠷᠬᠠᠭᠠᠵᠤ᠂ ᠭᠦᠴᠢᠷᠲᠠᠢ ᠤᠯᠠᠨ ᠲᠦᠮᠡᠨ ᠤ ᠴᠠᠭ ᠲᠠᠭᠠᠨ ᠪᠦᠳᠦᠮᠵᠢᠲᠠᠢ ᠲᠤᠰᠠᠯᠠᠮᠵᠢ ᠭᠦᠷᠲᠡᠬᠦ | ᠶᠢ ᠪᠠᠲᠤᠯᠠᠨ᠎ᠠ᠃ ᠲᠦᠷᠪᠠ ᠳᠤ᠂ ᠦᠢᠯᠡᠰ ᠪᠤᠰᠬᠠᠬᠤ ᠠᠵᠢᠯ ᠤᠯᠭᠤᠬᠤ ᠢᠨᠵᠧᠨᠧᠷᠢᠩ᠃《 ᠠᠷᠠᠳ ᠨᠡᠶᠢᠲᠡ ᠪᠠᠷ | ᠢᠶᠠᠨ ᠦᠢᠯᠡᠰ ᠪᠤᠰᠬᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ》ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠰᠠᠶᠢᠳᠥᠷ ᠨᠠᠶᠢᠳᠠᠪᠤᠷᠢᠵᠢᠭᠤᠯᠵᠤ᠂ ᠤᠯᠠᠨ ᠢᠶᠠᠷ ᠢᠶᠠᠨ ᠰᠢᠨ᠎ᠡ ᠶᠢ ᠡᠭᠦᠳᠬᠦ ᠤᠷᠤᠨ ᠵᠡᠢ ᠪᠡ ᠦᠢᠯᠡᠰ | ᠪᠦᠲᠦᠭᠡᠬᠦ ᠰᠠᠭᠤᠷᠢᠨ ᠭᠠᠵᠠᠷ ᠢ ᠲᠤᠰᠪᠦᠷᠢ ᠨᠢᠭᠡ ᠶᠢ ᠪᠠᠶᠢᠭᠤᠯᠤᠨ᠂ ᠰᠤᠳᠤᠨ ᠤᠨᠴᠠᠯᠢᠭᠳᠤ ᠮᠡᠷᠭᠡᠵᠢᠯ ᠤᠨ | ᠪᠤᠯᠪᠠᠰᠤᠷᠠᠯ ᠤᠨ ᠲᠦᠷᠦᠯ ᠵᠦᠢᠯ 3 ᠶᠢ ᠪᠠᠶᠢᠭᠤᠯᠤᠨ᠎ᠠ᠃ ᠠᠵᠢᠯ ᠤᠯᠬᠤ ᠳᠤ ᠭᠦᠴᠢᠷᠲᠠᠢ ᠬᠦᠮᠦᠰ᠂ ᠮᠤᠩᠭᠤᠯ | ᠢᠶᠠᠷ ᠰᠤᠷᠤᠭᠰᠠᠨ ᠤᠶᠤᠳᠠᠳ ᠵᠡᠷᠭᠡ ᠭᠤᠤᠯᠳᠠᠯᠭ᠎ᠠ ᠲᠠᠢ ᠬᠦᠮᠦᠰ ᠲᠤ ᠦᠢᠯᠡᠰ ᠪᠤᠰᠬᠠᠬᠤ ᠠᠵᠢᠯ ᠤᠯᠭᠤᠬᠤ ᠪᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠦᠮᠦᠰ ᠢ ᠲᠦᠷᠦᠯ ᠬᠤᠪᠢᠶᠠᠨ ᠰᠢᠯᠭᠠᠨ ᠡᠯᠡᠰᠭᠦ | ᠠᠵᠢᠯ ᠢ ᠰᠠᠶᠢᠳᠤᠷ ᠬᠢᠵᠤ᠂ ᠠᠵᠢᠯ ᠤᠯᠭᠤᠵᠤ ᠦᠢᠯᠡᠰ ᠪᠤᠰᠬᠠᠬᠤ ᠪᠠᠭ᠎ᠠ ᠲᠤᠭᠠᠨ ᠤ ᠵᠢᠭᠡᠯᠡᠯᠭᠡ ᠶᠢ 1200 | ᠲᠦᠮᠡᠨ ᠲᠦᠭᠦᠷᠢᠭ ᠲᠠᠷᠬᠠᠭᠠᠵᠤ᠂ 1600 ᠬᠦᠮᠦᠨ ᠳᠤ ᠠᠵᠢᠯ ᠤᠯᠭᠤᠵᠤ ᠦᠢᠯᠡᠰ ᠪᠤᠰᠬᠠᠬᠤ ᠮᠡᠷᠭᠡᠵᠢᠯ ᠤᠨ | ᠪᠤᠯᠪᠠᠰᠤᠷᠠᠯ ᠭᠦᠷᠳᠡᠭᠡᠵᠤ᠂ ᠬᠤᠲᠠ ᠪᠠᠯᠭᠠᠰᠤᠨ ᠤ 1200 ᠬᠦᠮᠦᠨ ᠳᠤ ᠰᠢᠨ᠎ᠠ ᠪᠠᠷ ᠠᠵᠢᠯ ᠤᠯᠭᠤᠵᠤ᠂ 1900 | ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠯᠭᠤᠵᠤ᠂ ᠠᠵᠢᠯ ᠠᠯᠳᠠᠭᠰᠠᠳ ᠢ ᠲᠠᠩᠰᠠᠯᠠᠭᠤᠯᠤᠭᠰᠠᠨ ᠨᠤᠷᠮ᠎ᠠ ᠶᠢ | 3.6% ᠶᠢᠨ ᠳᠤᠲᠤᠷ᠎ᠠ ᠬᠢᠵᠠᠭᠠᠷᠯᠠᠨ᠎ᠠ᠃ ᠲᠠᠪᠦ ᠳᠤ᠂《 ᠭᠤᠷᠪᠠᠨ ᠨᠢᠭᠡ 》 ᠤᠨ ᠠᠷᠠᠳ ᠤᠨ ᠠᠮᠢᠳᠤᠷᠠᠯ ᠤᠨ | ᠢᠨᠵᠧᠨᠧᠷᠢᠩ᠃ ᠦᠪᠡᠷᠳᠡᠭᠡᠨ ᠵᠠᠰᠠᠬᠤ ᠤᠷᠤᠨ ᠤ ᠲᠤᠤᠷ᠎ᠠ ᠤᠷᠤᠯᠭ᠎ᠠ ᠲᠠᠢ ᠮᠠᠯᠴᠢᠨ ᠲᠠᠷᠢᠶᠠᠴᠢᠨ ᠠᠶᠢᠯ ᠳᠤ 1 | ᠲᠤᠨ《 ᠬᠠᠯᠠᠮᠵᠢ ᠶᠢᠨ ᠨᠡᠭᠦᠷᠡᠰᠦ》᠂ ᠲᠤᠤᠷ᠎ᠠ ᠪᠠᠲᠤᠯᠭᠠᠳᠦ ᠭᠡᠷ ᠪᠦᠯᠢ ᠶᠢᠨ ᠶᠡᠭᠡ ᠰᠤᠷᠭᠠᠭᠤᠯᠢ ᠶᠢᠨ ᠤᠶᠤᠳᠠᠨ | ᠳᠤ ᠵᠢᠯ ᠪᠦᠷᠢ 1 ᠲᠦᠮᠡᠨ ᠲᠦᠬᠦᠷᠢᠭ ᠤᠨ ᠰᠤᠷᠤᠯᠭ᠎ᠠ ᠲᠡᠳᠬᠦᠬᠦ ᠮᠦᠩᠭᠦ᠂ ᠬᠤᠲᠠ ᠪᠠᠯᠭᠠᠰᠤᠨ ᠤ ᠠᠵᠢᠯ ᠦᠭᠡᠢ | ᠭᠡᠷ ᠪᠦᠯᠢ ᠶᠢᠨ ᠨᠢᠬᠡ ᠬᠦᠮᠦᠨ ᠳᠤ ᠲᠤᠭᠲᠠᠭᠤᠨ ᠢᠶᠠᠷ ᠠᠵᠢᠯ ᠤᠯᠭᠤᠬᠤ ᠭᠤᠷᠪᠠᠨ ᠵᠦᠢᠯ ᠤᠨ ᠠᠷᠠᠳ ᠤᠨ | ᠠᠮᠢᠳᠤᠷᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠵᠢᠷᠭᠤᠭ᠎ᠠ ᠳᠤ᠂《 | ᠡᠷᠡᠭᠦᠯ ᠴᠢᠭᠢᠷᠠᠭ ᠰᠢᠯᠤᠭᠤᠨ ᠴᠠᠭᠠᠨ ᠬᠤᠰᠢᠭᠤ》 ᠶᠢ ᠪᠦᠲᠦᠭᠡᠨ ᠪᠠᠶᠢᠭᠤᠯᠬᠤ ᠢᠨᠵᠧᠨᠧᠷᠢᠩ᠃ ᠮᠠᠯᠵᠢᠬᠤ | ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠵᠤᠬᠢᠬᠤ ᠨᠠᠰᠤᠨ ᠤ ᠬᠦᠮᠦᠰ ᠲᠤ ᠰᠦᠢᠳᠬᠡᠯ ᠬᠤᠷᠢᠶᠠᠬᠤ ᠦᠭᠡᠢ ᠪᠡᠶ᠎ᠡ | ᠶᠢᠨ ᠪᠠᠶᠢᠴᠠᠭᠠᠯᠲᠠ ᠬᠢᠬᠦ ᠢᠨᠵᠧᠨᠧᠷᠢᠩ ᠢ ᠦᠷᠭᠦᠯᠵᠢᠯᠡᠨ ᠭᠡᠷᠡᠭᠵᠢᠭᠦᠯᠵᠤ᠂ ᠰᠢᠨ᠎ᠡ ᠬᠡᠯᠪᠡᠷᠢ ᠶᠢᠨ ᠬᠤᠷᠰᠢᠭᠰᠠᠨ | ᠡᠮᠨᠡᠯᠭᠡ ᠳᠤ ᠤᠷᠤᠯᠴᠠᠭᠰᠠᠨ ᠨᠤᠷᠮ᠎ᠠ ᠶᠢ 98% ᠠᠴᠠ ᠲᠡᠭᠡᠭᠰᠢ ᠲᠤᠭᠳᠠᠭᠤᠨ ᠪᠠᠶᠢᠯᠭᠠᠵᠤ᠂ 4000 ᠡᠷᠡᠭᠦᠯ | ᠬᠠᠮᠠᠭᠠᠯᠠᠯ ᠤᠨ《 ᠪᠠᠭ᠎ᠠ ᠡᠮ ᠤᠨ ᠬᠠᠶᠢᠷᠴᠠᠭ 》 ᠶᠢ ᠲᠠᠷᠬᠠᠭᠠᠵᠤ᠂ ᠪᠦᠬᠦᠨ ᠢ ᠪᠦᠷᠬᠦᠭᠦᠯᠬᠦ ᠶᠢ ᠪᠠᠲᠤᠯᠠᠨ᠎ᠠ᠃ | ︵ᠵᠢᠷᠭᠤᠭ᠎ᠠ︶ ᠨᠡᠶᠢᠭᠡᠮ ᠤᠨ ᠦᠢᠯᠡᠰ ᠲᠠᠬᠢ ᠪᠡᠯᠡ ᠤᠷᠤᠭᠤᠯᠤᠯᠳᠠ ᠶᠢᠨ ᠬᠦᠴᠤᠯᠡᠴᠡ ᠪᠠᠨ ᠶᠡᠭᠡᠰᠭᠡᠵᠤ᠂ | ᠤᠯᠠᠨ ᠨᠡᠶᠢᠳᠠ ᠶᠢᠨ ᠦᠢᠯᠡᠴᠢᠯᠡᠭᠡᠨ ᠤ ᠬᠢᠷᠢ ᠳᠦᠪᠰᠢᠨ ᠢᠶᠠᠨ ᠬᠦᠴᠤᠯᠡᠨ ᠳᠡᠭᠡᠭᠰᠢᠯᠡᠭᠦᠯᠥᠨ᠎ᠡ | — ᠰᠤᠷᠭᠠᠨ ᠬᠦᠮᠥᠵᠢᠯ ᠤᠨ ᠦᠢᠯᠡᠰ ᠢ ᠡᠩ ᠳᠡᠷᠢᠭᠦᠨ ᠳᠤ ᠬᠦᠭᠵᠢᠭᠦᠯᠥᠨ᠎ᠡ᠃ ᠤᠯᠤᠰ ᠤᠨ ᠠᠯᠪᠡᠨ | ᠵᠢᠷᠥᠮ ᠤᠨ ᠰᠤᠷᠭᠠᠨ ᠬᠦᠮᠥᠵᠢᠯ ᠤᠨ ᠲᠡᠩᠴᠡᠭᠦᠷᠢ ᠲᠠᠢ ᠬᠦᠭᠵᠢᠯᠳᠡ ᠶᠢᠨ ᠦᠨᠡᠯᠡᠨ ᠬᠤᠷᠢᠶᠠᠬᠤ ᠠᠵᠢᠯ ᠢ | ᠪᠡᠶᠡᠯᠡᠭᠦᠯᠥᠨ᠎ᠠ᠂ ᠦᠨᠳᠤᠰᠤᠨ ᠰᠤᠷᠭᠠᠨ ᠬᠦᠮᠥᠵᠢᠯ ᠤᠨ ᠶᠠᠰᠤ ᠴᠢᠨᠡᠷ ᠢ ᠳᠡᠭᠡᠭᠰᠢᠯᠡᠭᠦᠯᠬᠦ ᠭᠤᠷᠪᠠᠨ ᠵᠢᠯ ᠤᠨ | ᠲᠦᠯᠥᠪᠵᠢᠭᠦᠯᠭᠡ ᠶᠢ ᠬᠢᠨᠡᠮᠠᠭᠠᠢ ᠲᠤᠤᠱᠯᠠᠭᠤᠯᠵᠤ᠂ ᠨᠢᠭᠡᠳᠥᠭᠡᠷ ᠹᠷᠥᠨᠲ ᠶᠢᠨ ᠪᠠᠭᠰᠢ ᠶᠢᠨ ᠡᠩᠨᠡᠭᠡᠨ ᠤ ᠠᠵᠢᠯ ᠤᠨ | ᠪᠠᠶᠢᠷᠢ ᠶᠢᠨ ᠪᠦᠳᠥᠴᠡ ᠶᠢ ᠲᠤᠬᠢᠷᠠᠭᠤᠯᠤᠨ ᠰᠢᠯᠢᠳᠡᠭᠵᠢᠭᠦᠯᠵᠤ᠂ ᠪᠠᠭᠰᠢ ᠶᠢᠨ ᠡᠩᠨᠡᠭᠡᠨ ᠤ ᠴᠢᠨᠡᠷ ᠴᠢᠨᠰᠠᠭ᠎ᠠ ᠶᠢ | ᠴᠢᠷᠮᠠᠶᠢᠨ ᠳᠡᠭᠡᠭᠰᠢᠯᠡᠭᠦᠯᠵᠤ᠂ ᠰᠤᠷᠭᠠᠨ ᠬᠦᠮᠥᠵᠢᠯ ᠤᠨ ᠵᠢᠭᠠᠨ ᠰᠣᠷᠭᠠᠬᠤ ᠴᠢᠨᠠᠷ ᠴᠢᠨᠰᠠᠭ᠎ᠠ ᠶᠢ ᠬᠦᠴᠤᠯᠡᠨ | ᠳᠡᠭᠡᠭᠰᠢᠯᠡᠭᠦᠯᠥᠨ᠎ᠡ᠃ ᠰᠤᠷᠬᠤ ᠨᠠᠰᠤᠨ ᠠᠴᠠ ᠡᠮᠥᠨᠡᠬᠢ ᠴᠡᠴᠡᠷᠯᠢᠭ ᠲᠤ ᠰᠭᠤᠬᠤ ᠨᠤᠷᠮ᠎ᠠ ᠶᠢ 93% ᠠᠴᠠ | ᠳᠡᠭᠡᠭᠰᠢ ᠬᠦᠷᠭᠡᠵᠤ᠂ ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠬᠤᠪᠢᠨ ᠳᠤ ᠬᠦᠷᠭᠦ ᠨᠤᠷᠮ᠎ᠠ ᠶᠢ 48% | ᠠᠴᠠ ᠳᠡᠭᠡᠭᠰᠢ ᠬᠦᠷᠭᠡᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢᠨ ᠬᠦᠴᠤᠯᠠᠴᠡ ᠪᠠᠨ ᠨᠡᠮᠡᠭᠳᠡᠭᠦᠯᠵᠤ᠂ ᠵᠢᠯ | ᠳᠤ 32 ᠨᠡᠷ᠎ᠡ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠡᠯᠰᠡᠨ᠎ᠠ᠃ 100 ᠲᠦᠮᠡᠨ ᠲᠦᠭᠦᠷᠢᠭ ᠤᠨ ᠪᠡᠯᠡ | ᠤᠷᠤᠭᠤᠯᠵᠤ᠂ ᠭᠠᠳᠠᠨ᠎ᠠ ᠠᠴᠠ ᠮᠡᠷᠭᠡᠵᠢᠯ ᠤᠨ ᠪᠠᠭᠰᠢ ᠤᠷᠢᠬᠤ ᠪᠤᠯᠤᠨ ᠰᠢᠯᠢᠳᠡᠭ ᠪᠠᠭᠰᠢ ᠠᠵᠢᠯᠳᠠᠨ ᠶᠢ | ᠬᠦᠬᠢᠭᠦᠯᠬᠦ ᠵᠢᠴᠢ ᠪᠤᠯᠪᠠᠰᠤᠷᠠᠭᠤᠯᠬᠤ ᠳᠤ ᠵᠠᠷᠥᠴᠠᠭᠤᠯᠤᠨᠠ᠃ ᠴᠠᠭᠠᠨᠨᠠᠭᠤᠷ ᠳᠤᠮᠳᠠᠳᠤ ᠰᠤᠷᠭᠠᠭᠤᠯᠢ ᠵᠡᠷᠭᠡ | ᠳᠦᠷᠪᠡᠨ ᠰᠤᠷᠭᠠᠭᠤᠯᠢ ᠳᠤ ᠤᠰᠤ ᠪᠠᠷ ᠵᠠᠶᠢᠯᠠᠬᠤ ᠮᠠᠶ᠋ᠢᠭ ᠤᠨ 4 ᠵᠤᠷᠯᠥᠩ ᠢ ᠰᠢᠨ᠎ᠡ ᠪᠠᠷ ᠪᠤᠶᠤ ᠦᠭᠡᠷᠴᠢᠯᠡᠨ | ᠪᠠᠶᠢᠭᠤᠯᠤᠨ᠎ᠠ᠃ ᠰᠢᠨ᠎ᠡ ᠪᠠᠷ ᠪᠤᠯᠠᠭᠠᠨᠲᠤᠬᠤᠢ ᠰᠤᠮᠤᠨ ᠤ ᠬᠡᠥᠭᠡᠳ ᠤᠨ ᠴᠡᠴᠡᠷᠯᠢᠭ᠂ ᠬᠤᠶᠠᠳᠤᠭᠠᠷ ᠪᠠᠭ᠎ᠠ | ᠰᠤᠷᠭᠠᠭᠤᠯᠢ ᠶᠢᠨ ᠠᠵᠢᠯᠯᠠᠭᠠᠨ ᠤ ᠭᠡᠷ᠂ ᠨᠢᠭᠡᠳᠥᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠥᠷ ᠢ | ᠪᠠᠶᠢᠭᠤᠯᠤᠨ᠎ᠠ᠃ ᠮᠤᠩᠭᠤᠯ ᠦᠨᠳᠤᠰᠤᠲᠡᠨ ᠤ ᠬᠡᠥᠭᠡᠳ ᠤᠨ ᠴᠡᠴᠡᠷᠯᠢᠭ ᠤᠨ ᠲᠠᠮᠢᠷ ᠤᠷᠯᠢᠭ ᠤᠨ ᠬᠦᠳᠡᠯᠭᠡᠭᠡᠨ ᠤ | ᠭᠡᠷ᠂ ᠮᠤᠩᠭᠤᠯ ᠳᠤᠮᠳᠠᠳᠤ ᠰᠤᠷᠭᠠᠭᠤᠯᠢ ᠶᠢᠨ ᠲᠠᠮᠢᠷ ᠤᠨ ᠤᠷᠳᠤᠨ᠂ ᠨᠢᠭᠡᠳᠥᠭᠡᠷ ᠪᠠᠭ᠎ᠠ ᠰᠤᠷᠭᠠᠭᠤᠯᠢ ᠶᠢᠨ | ᠠᠵᠢᠯᠯᠠᠭᠠᠨ ᠤ ᠭᠡᠷ ᠪᠤᠯᠤᠨ ᠲᠤᠷᠰᠢᠯᠳᠠ ᠶᠢᠨ ᠭᠡᠷ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠥᠷ | ᠤᠨ ᠢᠨᠵᠧᠨᠧᠷᠢᠩ ᠢ ᠪᠠᠶᠡᠯᠡᠭᠦᠯᠥᠨ᠎ᠡ᠃ | — ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠥᠨ᠎ᠡ᠃ ᠠᠯᠪᠡᠨ ᠠᠴᠠ | ᠡᠷᠭᠢᠯᠡᠭᠰᠡᠨ ᠡᠮᠨᠡᠯᠭᠡ ᠶᠢᠨ ᠬᠤᠷᠢᠶᠠᠨ ᠤ ᠶᠠᠷᠥᠩᠬᠡᠶᠢᠯᠡᠭᠰᠡᠨ ᠦᠭᠡᠷᠡᠴᠢᠯᠡᠯᠳᠠ ᠶᠢ ᠪᠠᠳᠤᠳᠬᠠᠨ ᠭᠦᠨᠵᠡᠭᠡᠶᠢᠷᠡᠭᠦᠯᠵᠤ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠤ᠂ ᠡᠮᠴᠢᠯᠡᠭᠡᠨ ᠤ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠵᠤ᠂ ᠦᠨᠥ ᠵᠢᠯ ᠳᠤ ᠡᠮᠨᠡᠯᠭᠡ ᠶᠢᠨ ᠮᠡᠷᠭᠡᠵᠢᠯ ᠤᠨ ᠶᠡᠭᠡ ᠰᠤᠷᠭᠠᠭᠤᠯᠢ ᠶᠢᠨ ᠵᠢᠩᠭᠢᠨᠢ | ᠠᠩᠭᠢ ᠶᠢᠨ ᠰᠤᠷᠤᠭᠴᠢ 21 ᠶᠢ ᠡᠯᠡᠰᠴᠤ᠂ ᠵᠠᠰᠠᠭ ᠤᠨ ᠤᠷᠳᠤᠨ ᠠᠴᠠ ᠨᠡᠶᠢᠳᠠ ᠶᠢᠨ ᠠᠰᠠᠷᠠᠮᠵᠢ ᠶᠢᠨ ᠴᠢᠨᠠᠷᠳᠠᠢ | ᠠᠵᠢᠯ ᠤᠨ ᠪᠠᠶᠢᠷᠢ ᠶᠢ ᠬᠤᠳᠠᠯᠳᠤᠨ ᠠᠪᠬᠤ ᠮᠠᠶ᠋ᠢᠭ ᠢᠶᠠᠷ 36 ᠰᠤᠪᠢᠯᠠᠭᠴᠢ ᠡᠯᠰᠠᠨᠠ᠃ ᠦᠪᠥᠷ ᠮᠤᠩᠭᠤᠯ ᠤᠨ | ᠡᠮᠨᠡᠯᠭᠡ ᠶᠢᠨ ᠬᠤᠷᠢᠶ᠎ᠠ᠂ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ᠂ ᠪᠤᠭᠤᠳᠤ ᠶᠢᠨ ᠬᠤᠶᠠᠳᠤᠭᠠᠷ | ᠬᠠᠷᠢᠶᠠᠳᠤ ᠡᠮᠨᠡᠯᠭᠡ ᠶᠢᠨ ᠬᠤᠷᠢᠶ᠎ᠠ ᠯᠤᠭ᠎ᠠ ᠤᠨ ᠬᠠᠮᠵᠢᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠤ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠷᠥᠩᠭᠡᠢ ᠬᠢᠷᠢ ᠲᠦᠪᠰᠢᠨ ᠢ ᠲᠡᠭᠡᠭᠰᠢᠯᠡᠭᠦᠯᠥᠨ᠎ᠡ᠃ ᠮᠤᠩᠭᠤᠯ ᠡᠮ | ᠡᠮᠨᠡᠯᠭᠡ ᠶᠢᠨ ᠦᠢᠯᠡᠰ ᠤᠨ ᠬᠦᠭᠵᠢᠯᠳᠠ ᠶᠢ ᠲᠦᠷᠭᠡᠳᠭᠡᠨ᠎ᠡ᠃ ᠦᠨᠥ ᠵᠢᠯ ᠰᠢᠨ᠎ᠡ ᠪᠠᠷ 8 ᠭᠠᠴᠠᠭ᠎ᠠ ᠲᠤᠰᠬᠤᠨ ᠤ | ᠪᠡᠷᠢᠮᠵᠢᠶᠠᠵᠢᠭᠰᠠᠨ ᠡᠷᠭᠦᠯ ᠬᠠᠮᠠᠭᠠᠯᠠᠯ ᠤᠨ ᠲᠠᠰᠤᠭ ᠢ ᠪᠠᠶᠢᠭᠤᠯᠵᠤ᠂ ᠮᠤᠩᠭᠤᠯ ᠡᠮᠨᠡᠯᠭᠡ ᠶᠢᠨ ᠬᠤᠷᠢᠶᠠᠨ ᠤ | ᠡᠪᠡᠳᠴᠢᠲᠡᠨ ᠤ ᠠᠰᠠᠷ ᠤᠨ ᠪᠠᠶᠢᠭᠤᠯᠤᠯᠳᠠ ᠶᠢᠨ ᠢᠨᠵᠧᠨᠧᠷᠢᠩ ᠢ ᠡᠬᠢᠯᠡᠭᠦᠯᠵᠤ᠂ ᠵᠡᠮᠳᠡᠭᠴᠤᠳ ᠤᠨ ᠨᠡᠶᠢᠭᠡᠮᠯᠢᠭ | ᠤᠨ ᠡᠷᠡᠭᠦᠯᠵᠢᠯ ᠤᠨ ᠲᠦᠪ ᠤᠨ ᠪᠠᠶᠢᠭᠤᠯᠤᠯᠳᠠ ᠶᠢᠨ ᠢᠨᠵᠧᠨᠧᠷᠢᠩ ᠢ ᠡᠬᠢᠯᠡᠭᠦᠯᠵᠤ᠂ 3 ᠡᠷᠡᠭᠦᠯ ᠬᠠᠮᠠᠭᠠᠯᠠᠯ ᠤᠨ | ᠬᠤᠷᠢᠶ᠎ᠠ ᠪᠤᠯᠤᠨ 2 ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠳᠠᠨ ᠤ ᠭᠡᠷ ᠢ ᠰᠢᠨ᠎ᠡ ᠪᠠᠷ ᠪᠤᠶᠤ ᠦᠷᠭᠡᠳᠬᠡᠨ | ᠪᠠᠶᠢᠭᠤᠯᠤᠨ᠎ᠠ᠃ ᠬᠤᠶᠠᠷ ᠬᠡᠥᠭᠡᠳ ᠠᠪᠬᠤ ᠲᠦᠷᠥ ᠶᠢᠨ ᠪᠤᠳᠤᠯᠭ᠎ᠠ ᠶᠢ ᠪᠦᠭᠦ ᠲᠡᠯ᠎ᠡ ᠪᠠᠷ ᠭᠡᠷᠡᠭᠵᠢᠭᠦᠯᠵᠤ᠂ | ᠲᠦᠯᠥᠪᠯᠡᠭᠡᠲᠤ ᠦᠷᠡᠵᠢᠯ ᠤᠨ ᠡᠯ᠎ᠡ ᠲᠦᠷᠥᠯ ᠤᠨ ᠬᠠᠷᠭᠠᠯᠵᠠᠯ ᠤᠨ ᠲᠦᠷᠥ ᠶᠢᠨ ᠪᠤᠳᠤᠯᠭ᠎ᠠ ᠶᠢ ᠭᠡᠷᠡᠭᠵᠢᠭᠦᠯᠵᠤ᠂ | ᠰᠢᠯᠢᠳᠡᠭ ᠲᠦᠷᠥᠵᠤ ᠰᠠᠶᠢᠬᠠᠨ ᠦᠰᠭᠡᠭᠦ ᠦᠢᠯᠡᠴᠢᠯᠡᠭᠡ ᠶᠢ ᠦᠷᠨᠢᠭᠦᠯᠵᠤ᠂ ᠰᠢᠨ᠎ᠡ ᠬᠦᠮᠥᠨ ᠠᠮᠠ ᠶᠢᠨ ᠴᠢᠨᠠᠷ | ᠴᠢᠨᠰᠠᠭ᠎ᠠ ᠶᠢ ᠲᠡᠭᠡᠭᠰᠢᠯᠡᠭᠦᠯᠥᠨ᠎ᠡ᠃ | — ᠰᠤᠶᠤᠯ ᠲᠠᠮᠢᠷ ᠤᠨ ᠦᠢᠯᠡᠰ ᠢ ᠦᠷᠨᠢᠭᠦᠨ ᠬᠦᠭᠵᠢᠭᠦᠯᠥᠨᠠ᠃ ᠰᠤᠶᠤᠯ ᠲᠡᠮᠢᠷ ᠤᠨ ᠦᠢᠯᠡᠰ ᠤᠨ | ᠬᠦᠭᠵᠢᠯᠳᠠ ᠶᠢ ᠲᠡᠮᠵᠢᠬᠦ ᠡᠷᠴᠢᠮ ᠢᠶᠠᠨ ᠶᠡᠭᠡᠰᠬᠡᠵᠤ᠂ ᠦᠷᠭᠦᠯᠵᠢᠯᠡᠨ ᠡᠯ᠎ᠡ ᠲᠦᠷᠥᠯ ᠤᠨ ᠠᠷᠠᠳ ᠲᠤ ᠲᠦᠭᠦᠮ | ᠦᠵᠡᠭᠦᠯᠬᠦ ᠢᠨᠵᠧᠨᠧᠷᠢᠩ ᠢ ᠭᠡᠷᠡᠭᠵᠢᠭᠦᠯᠵᠤ᠂ ᠰᠤᠶᠤᠯ ᠲᠡᠮᠢᠷ ᠤᠨ ᠦᠢᠯᠡᠰ ᠤᠨ ᠦᠨᠳᠤᠰᠤᠨ ᠲᠦᠭᠦᠭᠡᠷᠥᠮᠵᠢ ᠶᠢᠨ | ᠪᠦᠳᠥᠭᠡᠨ ᠪᠠᠶᠢᠭᠤᠯᠤᠯᠳᠠ ᠶᠢ ᠴᠢᠩᠭᠠᠳᠬᠠᠵᠤ᠂ 5 ᠭᠠᠴᠠᠭ᠎ᠠ ᠲᠤᠰᠬᠤᠨ ᠳᠤ ᠰᠤᠶᠥᠯ ᠤᠨ ᠬᠦᠳᠡᠯᠭᠡᠭᠡᠨ ᠤ | ᠭᠡᠷᠡᠭᠰᠡᠯ ᠢ ᠲᠤᠬᠢᠷᠠᠭᠤᠯᠵᠤ᠂ ᠤᠯᠠᠨ ᠲᠦᠮᠡᠨ ᠤ ᠤᠶᠤᠨ ᠤ ᠪᠤᠯᠪᠠᠰᠤᠨ ᠤ ᠬᠡᠷᠡᠭᠴᠡᠭᠡ ᠶᠢ ᠬᠠᠩᠭᠠᠨ᠎ᠠ᠃ ᠳᠡᠭᠡᠳᠤ | ᠱᠠᠳᠤᠨ ᠠᠴᠠ ᠢᠳᠡᠪᠭᠢᠲᠡᠢ ᠪᠠᠷ ᠬᠠᠮᠢᠶ᠎ᠠ ᠪᠦᠬᠦᠢ ᠲᠦᠷᠥᠯ ᠵᠦᠢᠯ ᠢ ᠴᠢᠷᠮᠠᠶᠢᠨ ᠤᠯᠵᠤ᠂ ᠨᠠᠰᠤᠳᠠᠶᠢᠴᠤᠳ ᠤᠨ | ᠡᠭᠦᠳᠡᠨ ᠪᠦᠮᠪᠦᠭᠡ ᠶᠢᠨ ᠤᠷᠳᠤᠨ᠂ ᠤᠯᠠᠭᠠᠨᠮᠦᠴᠢᠷ ᠤᠨ ᠪᠤᠯᠪᠠᠰᠤᠷᠠᠯ ᠤᠨ ᠲᠢᠩᠭᠢᠮ ᠢ ᠡᠬᠢᠯᠡᠨ ᠪᠠᠶᠢᠭᠤᠯᠵᠤ᠂ ᠺᠢᠨᠣ᠋ | ᠲᠢᠶᠠᠲᠷ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠪ ᠵᠡᠷᠭᠡ ᠢᠨᠵᠧᠨᠧᠷᠢᠩ ᠤᠨ ᠪᠦᠳᠤᠭᠡᠨ ᠪᠠᠶᠢᠭᠤᠯᠤᠯᠳᠠ | ᠶᠢᠨ ᠡᠮᠦᠨ᠎ᠡ ᠬᠤᠭᠤᠴᠠᠭᠠᠨ ᠤ ᠠᠵᠢᠯ ᠢ ᠡᠬᠢᠯᠡᠭᠦᠯᠵᠤ᠂ ᠪᠦᠷᠢᠳᠤ ᠶᠢᠨ ᠰᠦᠮ᠎ᠡ ᠶᠢ ᠵᠠᠰᠠᠨ ᠰᠡᠯᠪᠢᠬᠦ ᠢᠨᠵᠧᠨᠧᠷᠢᠩ | ᠢ ᠡᠬᠢᠯᠡᠭᠦᠯᠥᠨ᠎ᠡ᠃ ᠭᠡᠷᠡᠯ ᠵᠢᠷᠤᠭ ᠰᠡᠭᠦᠳᠡᠷᠯᠡᠬᠦ᠂ ᠤᠷᠠᠨ ᠵᠢᠷᠤᠭ᠂ ᠤᠳᠬ᠎ᠠ ᠵᠤᠬᠢᠶᠠᠯ ᠵᠡᠷᠭᠡ ᠨᠡᠶᠢᠭᠡᠮ ᠤᠨ | ᠪᠦᠯᠬᠦᠮ ᠪᠤᠯᠤᠨ ᠡᠯ᠎ᠡ ᠲᠦᠷᠥᠯ ᠤᠨ ᠺᠯᠥᠪ ᠤᠨ ᠦᠢᠯᠡᠳᠤᠯ ᠢ ᠭᠦᠢᠴᠡᠳ ᠪᠠᠳᠠᠷᠠᠭᠤᠯᠵᠤ᠂ ᠰᠢᠯᠤᠭᠤᠨ ᠬᠦᠪᠡᠭᠡᠳᠤ | ᠴᠠᠭᠠᠨ ᠬᠤᠰᠢᠭᠤ ᠪᠠᠶᠢᠭᠤᠯᠤᠭᠳᠠᠭᠰᠠᠨ 60 ᠵᠢᠯ ᠤᠨ ᠤᠢ ᠵᠢᠴᠢ ᠠᠷᠪᠠᠨ ᠭᠤᠷᠪᠠᠳᠤᠭᠠᠷ ᠤᠳᠠᠭᠠᠨ ᠤ ᠨᠠᠭᠠᠳᠤᠮ᠂ | ᠬᠤᠯᠠᠨ ᠰᠢᠷᠭ᠎ᠠ ᠳᠠᠭ᠎ᠠ ᠶᠢᠨ ᠡᠯᠡᠰᠤᠨ ᠤ ᠭᠡᠭᠡᠷᠡᠯᠡᠬᠦ ᠤᠷᠤᠯᠳᠤᠭᠠᠨ᠂ ᠤᠷᠠᠨ ᠪᠢᠴᠢᠯᠭᠡ᠂ ᠤᠷᠠᠨ ᠵᠢᠷᠤᠭ᠂ ᠭᠡᠷᠡᠯ | ᠵᠢᠷᠤᠭ ᠰᠡᠭᠦᠳᠡᠷᠯᠡᠬᠦ ᠵᠡᠷᠭᠡ ᠰᠢᠷᠢᠰ ᠬᠦᠳᠡᠯᠭᠡᠭᠡᠨ ᠢ ᠢᠳᠡᠪᠬᠢᠳᠡᠢ ᠪᠡᠯᠡᠳᠬᠡᠵᠤ᠂ ᠦᠷᠭᠦᠯᠵᠢᠯᠡᠨ ︽ᠭᠤᠷᠪᠠᠨ | ᠳᠠᠬᠢᠯᠭ᠎ᠠ︾᠂ ︽ᠰᠤᠶᠤᠯ ᠤᠨ ᠲᠤᠮᠤ ᠲᠠᠪᠴᠠᠩ︾ ᠪᠤᠯᠤᠨ ︽ᠠᠭᠤᠳᠠᠮ ᠲᠠᠯᠠᠪᠠᠢ ᠶᠢᠨ ᠰᠤᠶᠣᠯ ᠤᠨ ᠨᠠᠶᠢᠷ︾ | ᠵᠡᠷᠭᠡ ᠰᠤᠶᠤᠯ ᠤᠨ ᠬᠦᠳᠡᠯᠭᠡᠭᠡᠨ ᠪᠤᠯᠤᠨ ᠡᠯ᠎ᠡ ᠲᠦᠷᠥᠯ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠢ ᠰᠠᠶᠢᠳᠤᠷ | ᠬᠢᠨ᠎ᠡ᠃ ᠰᠤᠶᠤᠯ ᠤᠨ ᠲᠤᠷᠠᠰᠬᠠᠯᠳᠤ ᠵᠤᠶᠢᠯ ᠪᠤᠯᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠬᠤ ᠪᠠ | ᠬᠠᠮᠠᠭᠠᠯᠠᠬᠤ ᠶᠢ ᠴᠢᠩᠭᠠᠳᠬᠠᠨ᠎ᠠ᠃ ᠰᠢᠷᠢᠰ ᠹᠢᠯᠢᠮ ︽ᠴᠠᠬᠠᠷ ᠬᠤᠷᠢᠮ︾ ᠤᠨ ᠣᠭ ᠨᠤᠤᠷᠠᠭ ᠢ ᠲᠤᠭᠤᠷᠪᠢᠬᠤ | ᠠᠵᠢᠯ ᠢ ᠭᠦᠢᠴᠡᠳᠭᠡᠵᠤ᠂ ᠦᠨᠥ ᠵᠢᠯ ᠵᠢᠷᠥᠭ᠌ᠯᠠᠨ ᠦᠢᠯᠡᠳᠬᠦ ᠪᠠᠷ ᠴᠢᠷᠮᠠᠶᠢᠨ᠎ᠠ᠃ ᠪᠤᠯᠪᠠᠰᠤᠨ ᠪᠠᠶᠢᠭᠤᠯᠭ᠎ᠠ᠂ | ᠪᠤᠯᠪᠠᠰᠤᠨ ᠲᠤᠰᠬᠤᠨ ᠪᠠᠯᠭᠠᠰᠤ ᠶᠢ ᠡᠭᠦᠳᠤᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠦᠷᠨᠢᠭᠦᠯᠵᠤ᠂ ᠨᠡᠶᠢᠭᠡᠮ | ᠨᠡᠶᠢᠲᠡ ᠶᠢᠨ ᠶᠤᠰᠤ ᠮᠤᠷᠠᠯ᠂ ᠭᠡᠷ ᠤᠨ ᠰᠠᠶᠢᠨ ᠰᠠᠶᠢᠬᠠᠨ ᠰᠤᠷᠳᠠᠯ ᠢ ᠶᠡᠭᠡᠪᠡᠷ ᠤᠬᠠᠭᠤᠯᠵᠤ᠂ ᠭᠡᠷ ᠪᠦᠯᠢ ᠶᠢᠨ ᠡᠶ᠎ᠡ | ᠨᠠᠶᠢᠷᠠᠮᠳᠠᠭᠤ ᠶᠢ ᠠᠬᠢᠭᠤᠯᠵᠤ᠂ ᠦᠢ ᠲᠦᠮᠡᠨ ᠭᠡᠷ ᠪᠦᠯᠢ ᠶᠢ ᠨᠡᠶᠢᠭᠡᠮ ᠤᠨ ᠡᠶ᠎ᠡ ᠨᠠᠶᠢᠷᠠᠮᠳᠠᠭᠤ ᠪᠠᠶᠢᠬᠤ ᠶᠢᠨ | ᠦᠨᠳᠤᠰᠤᠨ ᠴᠡᠭ ᠪᠤᠯᠭᠠᠨ᠎ᠠ᠃ | — ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠥᠨ᠎ᠡ᠃ ᠨᠠᠮ ᠤᠨ ᠦᠨᠳᠤᠰᠤᠳᠡᠨ ᠤ ᠲᠦᠷᠥ | ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠥᠷᠢᠵᠢᠭᠤᠯᠵᠤ᠂ ᠪᠦᠬᠦ ᠨᠠᠶᠢᠭᠡᠮ ᠤᠨ ᠦᠨᠳᠤᠰᠤᠳᠡᠨ ᠤ ᠪᠦᠯᠬᠦᠮᠳᠡᠯ | ᠳᠡᠪᠰᠢᠯᠳᠠ ᠶᠢᠨ ᠬᠦᠮᠥᠵᠢᠯ ᠢ ᠬᠦᠴᠤᠯᠡᠨ ᠴᠢᠩᠭᠠᠳᠬᠠᠵᠤ᠂ ᠮᠤᠩᠭᠤᠯ ᠦᠭᠡ ᠬᠡᠯᠡ ᠦᠰᠥᠭ ᠪᠢᠴᠢᠭ ᠤᠨ | ᠬᠡᠷᠡᠭᠯᠡᠭᠡ ᠶᠢ ᠲᠦᠷᠢᠮᠵᠢᠭᠦᠯᠬᠦ ᠬᠢᠨᠠᠨ ᠬᠠᠮᠢᠶᠠᠷᠠᠬᠤ ᠬᠦᠴᠥᠯᠡᠴᠡ ᠪᠠᠨ ᠴᠢᠩᠭᠠᠳᠬᠠᠵᠤ᠂ ᠨᠠᠮ ᠤᠨ ᠱᠠᠰᠢᠨ | ᠰᠤᠷᠳᠠᠬᠤᠨ ᠤ ᠠᠵᠢᠯ ᠤᠨ ᠦᠨᠳᠤᠰᠤᠨ ᠴᠢᠭᠯᠡᠯᠳᠠ ᠶᠢ ᠪᠦᠬᠦ ᠲᠠᠯ᠎ᠠ ᠪᠠᠷ ᠳᠤᠤᠱᠯᠠᠭᠤᠯᠵᠤ᠂ ᠱᠠᠰᠢᠨ ᠰᠤᠷᠲᠠᠬᠤᠨ | ᠤ ᠬᠦᠮᠥᠰ ᠪᠤᠯᠤᠨ ᠱᠠᠰᠢᠨ ᠰᠢᠳᠥᠭᠰᠡᠳ ᠤᠨ ᠠᠵᠤ ᠠᠬᠤᠢ ᠨᠡᠶᠢᠭᠡᠮ ᠤᠨ ᠬᠦᠭᠵᠢᠯᠳᠡ ᠳᠤᠮᠳᠠᠬᠢ ᠢᠳᠡᠪᠬᠢᠳᠡᠢ | ᠦᠢᠯᠡᠳᠥᠯ ᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠪᠤᠯᠪᠡᠰᠤᠨ ᠰᠢᠶᠠᠨ ᠬᠤᠳᠠ ᠶᠢ ᠪᠠᠶᠢᠭᠤᠯᠬᠤ | ᠰᠠᠭᠤᠷᠢ ᠪᠠᠨ ᠦᠷᠭᠦᠯᠵᠢᠯᠡᠨ ᠪᠠᠬᠢᠵᠢᠭᠦᠯᠥᠨᠠ᠃ ︽ᠠᠮᠥᠭᠤᠯᠠᠩ ᠰᠢᠯᠤᠭᠤᠨ ᠴᠠᠭᠠᠨ︾ ᠤ ᠪᠦᠳᠥᠭᠡᠨ | ᠪᠠᠶᠢᠭᠤᠯᠤᠯᠳᠠ ᠶᠢ ᠭᠦᠨᠵᠡᠭᠡᠢ ᠠᠬᠢᠭᠤᠯᠵᠤ᠂ ᠵᠦᠷᠢᠴᠡᠯ ᠢ ᠠᠷᠢᠯᠭᠠᠬᠤ ᠪᠤᠯᠤᠨ ᠨᠡᠶᠢᠭᠡᠮ ᠤᠨ ᠠᠮᠤᠷ ᠳᠤᠭᠳᠠᠭᠤᠨ ᠤ | ᠦᠨᠡᠯᠡᠯᠳᠠ ᠶᠢ ᠴᠢᠩᠭᠠᠳᠬᠠᠵᠤ᠂ ᠨᠠᠶᠢᠭᠡᠮ ᠤᠨ ᠠᠮᠥᠷ ᠳᠤᠭᠳᠠᠭᠤᠨ ᠢ ᠡᠵᠡᠮᠰᠢᠨ ᠬᠠᠮᠢᠶᠠᠷᠥᠬᠤ ᠰᠢᠰᠲ᠋ᠧᠮ ᠢ | ᠪᠦᠷᠢᠨᠰᠢᠭᠦᠯᠵᠤ᠂ ᠨᠡᠶᠢᠭᠡᠮ ᠤᠨ ᠵᠠᠰᠠᠯᠳᠠ ᠶᠢᠨ ᠲᠤᠭᠠᠴᠠᠯᠠᠭᠰᠡᠨ ᠪᠦᠳᠥᠭᠡᠨ ᠪᠠᠶᠢᠭᠤᠯᠤᠯᠳᠠ ᠤᠨ ᠢᠨᠵᠧᠨᠧᠷᠢᠩ ᠢ | ᠭᠤᠤᠯᠳᠠᠯᠭ᠎ᠠ ᠲᠠᠢ ᠠᠳᠬᠤᠨ᠎ᠠ᠃ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠪᠤᠯᠤᠨ | ᠤᠳᠤᠷᠢᠳᠤᠯᠭ᠎ᠠ ᠠᠴᠠ ᠲᠤᠭᠳᠠᠭᠰᠠᠨ ᠬᠤᠭᠤᠴᠠᠭ᠎ᠠ ᠲᠠᠢ ᠪᠠᠷ ᠵᠠᠭᠢᠳᠠᠯ ᠰᠤᠷᠪᠤᠯᠵᠢᠯᠠᠭ᠎ᠠ ᠶᠢ ᠬᠦᠯᠢᠶᠡᠨ | ᠰᠢᠢᠳᠪᠥᠷᠢᠯᠡᠬᠦ ᠲᠦᠷᠢᠮ ᠢ ᠬᠢᠨᠠᠮᠠᠭᠠᠢ ᠨᠠᠶᠢᠳᠠᠪᠥᠷᠢᠵᠢᠭᠤᠯᠵᠤ᠂ ᠤᠯᠠᠨ ᠲᠦᠮᠡᠨ ᠤ ᠵᠠᠭᠠᠯᠳᠤᠯᠭ᠎ᠠ ᠭᠤᠶᠤᠴᠢᠯᠠᠯ ᠢ | ᠬᠠᠤᠯᠢ ᠪᠠᠷ ᠴᠠᠭ ᠲᠤᠬᠠᠢ ᠳᠤᠨᠢ ᠰᠢᠢᠳᠪᠦᠷᠢᠯᠡᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ | ᠬᠠᠮᠠᠭᠠᠯᠠᠨ᠎ᠠ᠃ᠨᠡᠶᠢᠭᠡᠮ ᠤᠨ ᠠᠮᠥᠷ ᠢ ᠬᠠᠮᠠᠭᠠᠯᠠᠬᠤ ᠶᠡᠷᠥᠩᠭᠡᠶᠢᠯᠡᠭᠰᠡᠨ ᠵᠠᠰᠠᠯᠳᠠ ᠶᠢ ᠴᠢᠩᠭᠠᠳᠬᠠᠵᠤ᠂ ᠡᠯ᠎ᠡ ᠲᠦᠷᠥᠯ | ᠤᠨ ᠬᠠᠤᠯᠢ ᠴᠠᠭᠠᠵᠠ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠡ᠃ ᠠᠶᠥᠯᠭᠦᠢ | ᠦᠢᠯᠡᠳᠪᠥᠷᠢᠯᠡᠯ ᠤᠨ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠥᠷᠢᠵᠢᠭᠤᠯᠵᠤ᠂ ︽ᠨᠠᠮ ᠵᠠᠰᠠᠭ ᠬᠠᠮᠳᠤ ᠪᠠᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠶᠢᠨ | ᠬᠤᠤᠰ ᠬᠠᠷᠢᠭᠤᠴᠠᠯᠭ᠎ᠠ᠂ ᠲᠤᠰᠢᠶᠠᠯ ᠢᠶᠠᠨ ᠤᠰᠤᠯᠳᠤᠪᠠᠯ ᠬᠠᠷᠢᠭᠤᠴᠠᠯᠭ᠎ᠠ ᠨᠡᠬᠡᠮᠵᠢᠯᠡᠬᠦ︾ ᠪᠤᠯᠤᠨ ︽ᠠᠵᠢᠯ | ᠲᠦᠷᠥᠯ ᠤᠨ ᠬᠢᠨ ᠢ ᠬᠠᠮᠢᠶᠠᠷᠠᠬᠤ ᠳᠤ ᠡᠷᠬᠡᠪᠡᠰᠢ ᠠᠮᠥᠷ ᠲᠦᠪᠰᠢᠨ ᠢ ᠬᠠᠮᠢᠶᠠᠷᠠᠬᠤ᠂ ᠲᠤᠬᠠᠶᠢᠯᠠᠭᠰᠠᠨ ᠠᠵᠢᠯ ᠢ | ᠬᠠᠮᠢᠶᠠᠷᠠᠬᠤ ᠳᠤ ᠡᠷᠬᠡᠪᠡᠰᠢ ᠠᠮᠥᠷ ᠲᠦᠪᠰᠢᠨ ᠶᠢ ᠬᠠᠮᠢᠶᠠᠷᠠᠬᠤ᠂ ᠦᠢᠯᠡᠳᠪᠥᠷᠢᠯᠡᠯ ᠢ ᠬᠠᠮᠢᠶᠠᠷᠬᠤ ᠳᠤ ᠡᠷᠬᠡᠪᠡᠰᠢ | ᠠᠮᠥᠷ ᠲᠦᠪᠰᠢᠨ ᠶᠢ ᠬᠠᠮᠢᠶᠠᠷᠠᠬᠤ︾ ᠶᠡᠷᠥᠩᠭᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠥᠷᠢᠵᠢᠭᠤᠯᠵᠤ᠂ ᠡᠯ᠎ᠡ ᠵᠦᠢᠯ | ᠤᠨ ᠠᠳᠠᠯ ᠭᠠᠷᠬᠤ ᠶᠢ ᠪᠦᠳᠥᠮᠵᠢᠳᠡᠢ ᠰᠡᠷᠭᠡᠶᠢᠯᠡᠨ᠎ᠠ᠃ ᠤᠯᠠᠨ ᠨᠡᠶᠢᠳᠡ ᠶᠢᠨ ᠠᠮᠥᠷ ᠲᠦᠪᠰᠢᠨ ᠤ ᠰᠢᠰᠲ᠋ᠧᠮ ᠤᠨ | ᠪᠠᠶᠢᠭᠤᠯᠤᠯᠳᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ᠂ ᠤᠯᠠᠨ ᠨᠡᠶᠢᠳᠡ ᠶᠢᠨ ᠭᠡᠨᠡᠳᠳᠠ ᠶᠢᠨ ᠠᠳᠡᠯ ᠤᠨ | ᠪᠠᠴᠢᠮ ᠪᠠᠶᠢᠳᠡᠯ ᠢ ᠠᠷᠭᠠᠴᠠᠬᠤ ᠴᠢᠳᠡᠪᠥᠷᠢ ᠪᠠᠨ ᠳᠡᠭᠡᠭᠰᠢᠯᠡᠭᠦᠯᠥᠨ᠎ᠡ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ | ᠳᠠᠶᠢᠴᠢᠯᠠᠯᠳᠠ ᠪᠤᠯᠤᠨ ᠪᠡᠯᠡᠳᠭᠡᠯ ᠬᠦᠴᠤᠨ ᠤ ᠪᠦᠳᠥᠭᠡᠨ ᠪᠠᠶᠢᠭᠤᠯᠤᠯᠳᠠ ᠶᠢ ᠴᠢᠩᠭᠠᠳᠬᠠᠵᠤ᠂ ︽ᠬᠤᠶᠠᠷ ᠢ | ᠬᠦᠷᠢᠶᠡᠯᠡᠬᠦ ᠵᠢᠱᠢᠶᠡᠴᠢ ᠬᠤᠳᠠ︾ ᠶᠢ ᠪᠦᠳᠥᠭᠡᠨ ᠪᠠᠶᠢᠭᠤᠯᠤᠭᠰᠠᠨ ᠦᠷ᠎ᠡ ᠪᠦᠳᠥᠭᠡᠯ ᠢᠶᠠᠨ ᠪᠠᠳᠤᠳᠬᠠᠵᠤ᠂ ᠴᠡᠷᠢᠭ | ᠠᠷᠠᠳ ᠤᠨ ᠨᠢᠭᠳᠠ ᠤᠶᠠᠯᠳᠤᠯ ᠢ ᠠᠬᠢᠭᠤᠯᠤᠨ᠎ᠠ᠃ ︽ᠬᠠᠤᠯᠢᠵᠢᠭᠰᠡᠨ ᠰᠢᠯᠤᠭᠤᠨ ᠴᠠᠭᠠᠨ︾ ᠤ ᠪᠦᠳᠥᠭᠡᠨ | ᠪᠠᠶᠢᠭᠤᠯᠤᠯᠳᠠ ᠶᠢ ᠤᠯᠠᠮ ᠠᠬᠢᠭᠤᠯᠵᠤ᠂ ︽ᠳᠤᠯᠤᠭ᠎ᠠ ᠲᠠᠪᠤ ᠶᠢᠨ︾ ᠬᠠᠤᠯᠢ ᠲᠦᠭᠡᠮᠡᠯᠵᠢᠯᠡᠭᠦᠯᠬᠦ ᠶᠢ ᠡᠬᠢᠯᠡᠭᠦᠯᠵᠤ᠂ | ᠬᠠᠤᠯᠢ ᠴᠠᠭᠠᠵᠠ ᠶᠢᠨ ︽ᠵᠢᠷᠭᠤᠭ᠎ᠠ ᠶᠢ ᠤᠷᠤᠭᠤᠯᠬᠤ︾ ᠠᠵᠢᠯᠯᠠᠭ᠎ᠠ ᠶᠢ ᠶᠠᠪᠥᠭ᠌ᠳᠠᠭᠤᠯᠵᠤ᠂ ᠰᠢᠨ᠎ᠡ ᠬᠡᠯᠪᠡᠷᠢ ᠶᠢᠨ | ᠵᠠᠭᠤᠯᠴᠢᠯᠠᠭᠤᠷ ᠢ ᠰᠠᠶᠢᠳᠤᠷ ᠠᠰᠢᠭᠯᠠᠨ ᠰᠠᠶᠢᠳᠤᠷ ᠬᠠᠮᠢᠶᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠲᠦᠷᠭᠡᠨ | ᠲᠤᠰᠬᠠᠯ ᠪᠤᠯᠤᠨ ᠨᠡᠪᠳᠡᠷᠡᠯᠴᠡᠭᠡᠨ ᠤ ᠲᠦᠷᠢᠮ ᠢ ᠪᠠᠶᠢᠭᠤᠯᠵᠤ᠂ ᠶᠠᠷᠢᠶ᠎ᠠ ᠬᠡᠯᠡᠯᠴᠡᠭᠡ ᠶᠢ ᠬᠦᠳᠥᠯᠥᠨ ᠳᠠᠭᠠᠭᠤᠯᠬᠤ | ᠴᠢᠳᠠᠪᠥᠷᠢ ᠪᠤᠯᠤᠨ ᠬᠠᠤᠯᠢ ᠶᠤᠰᠤᠭᠠᠷ ᠬᠠᠮᠢᠶᠠᠷᠬᠤ ᠲᠦᠪᠰᠢᠨ ᠢᠶᠠᠨ ᠳᠡᠭᠡᠭᠰᠢᠯᠡᠭᠦᠯᠥᠨ᠎ᠠ᠃ ᠬᠦᠯᠥᠰᠤᠨ ᠠᠵᠢᠯᠴᠢᠨ | ᠤ ᠴᠠᠯᠢᠩ ᠬᠦᠯᠥᠰᠤ ᠶᠢᠨ ᠪᠠᠳᠤᠯᠠᠭᠠᠨ ᠤ ᠲᠦᠷᠢᠮ ᠢ ᠴᠢᠩᠭ᠎ᠠ ᠭᠡᠷᠡᠭᠵᠢᠭᠦᠯᠵᠤ᠂ ᠬᠦᠯᠥᠰᠤᠨ ᠠᠵᠢᠯᠴᠢᠨ ᠤ ᠴᠠᠯᠢᠩ | ᠬᠦᠯᠥᠰᠤ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠤᠯᠭᠤᠨ᠎ᠠ᠃ | ᠡᠮᠡᠭᠳᠡᠶᠢᠴᠤᠳ ᠪᠠᠭᠠᠴᠤᠤᠯ᠂ ᠵᠡᠮᠳᠡᠭᠴᠤᠤᠯ ᠤᠨ ᠪᠠᠲᠤᠯᠠᠭ᠎ᠠ ᠪᠤᠯᠤᠨ ᠦᠨᠳᠤᠷ ᠨᠠᠰᠤᠳᠠᠶᠢᠴᠤᠳ ᠤᠨ ᠦᠢᠯᠡᠰ | ᠢ ᠦᠷᠭᠦᠯᠵᠢᠯᠡᠨ ᠬᠠᠯᠠᠮᠵᠢᠯᠠᠵᠤ᠂ ᠠᠵᠢᠯᠳᠠᠨ ᠤ ᠡᠪᠯᠡᠯ᠂ ᠡᠪ ᠬᠠᠮᠳᠤ ᠵᠠᠯᠠᠭᠤᠴᠤᠳ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠠᠵᠢᠯ ᠢ ᠬᠦᠴᠥᠳᠠᠢ ᠳᠡᠮᠵᠢᠵᠤ᠂ ᠴᠠᠭ ᠠᠭᠤᠷ᠂ ᠳᠠᠩᠰᠠ ᠡᠪᠬᠡᠮᠡᠯ ᠲᠡᠥᠬᠡ ᠤᠶᠢᠯᠠᠯᠭ᠎ᠠ ᠵᠠᠷᠭᠡ | ᠨᠠᠶᠢᠭᠡᠮ ᠤᠨ ᠦᠢᠯᠡᠰ ᠤᠨ ᠬᠦᠭᠵᠢᠯᠳᠠ ᠶᠢ ᠨᠢᠭᠡᠳᠥᠯᠳᠠᠢ ᠲᠦᠯᠥᠪᠯᠡᠨ ᠬᠦᠭᠵᠢᠭᠦᠯᠥᠨᠠ᠃ | ︵ᠲᠤᠯᠤᠭ᠎ᠠ︶ ᠦᠭᠡᠷᠡᠴᠢᠯᠡᠯᠳᠠ ᠨᠡᠭᠡᠭᠡᠯᠳᠠ ᠶᠢ ᠭᠦᠨᠵᠡᠭᠡᠢ ᠠᠬᠢᠭᠤᠯᠵᠤ᠂ ᠵᠠᠰᠠᠭ ᠤᠨ ᠤᠷᠳᠤᠨ ᠤ ᠲᠤᠰ | ᠪᠡᠶ᠎ᠡ ᠶᠢᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠨ᠎ᠠ | — ᠵᠠᠰᠠᠭ ᠵᠠᠬᠢᠷᠭᠠᠨ ᠤ ᠬᠠᠮᠢᠶᠠᠷᠥᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ | ᠭᠦᠨᠵᠡᠭᠡᠶᠢᠷᠡᠭᠦᠯᠥᠨᠠ᠃ ᠡᠯ᠎ᠡ ᠲᠦᠷᠥᠯ ᠤᠨ ᠦᠭᠡᠷᠡᠴᠢᠯᠡᠯᠳᠠ ᠶᠢᠨ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠥᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠳᠠ ᠶᠢᠨ ᠲᠦᠷᠢᠮ ᠤᠨ ᠦᠭᠡᠷᠡᠴᠢᠯᠡᠯᠳᠠ ᠶᠢ ᠤᠯᠠᠮ | ᠭᠦᠨᠵᠡᠭᠡᠶᠢᠷᠡᠭᠦᠯᠵᠤ᠂ ᠡᠷᠭᠡ ᠶᠢᠨ ᠨᠠᠷᠢᠨ ᠳᠡᠩᠰᠠ ᠶᠢ ᠪᠦᠬᠦ ᠲᠠᠯ᠎ᠠ ᠪᠠᠷ ᠰᠢᠯᠤᠭᠤᠳᠬᠠᠵᠤ᠂ ᠡᠷᠭᠡ ᠶᠢᠨ ᠬᠢᠵᠠᠭᠠᠷᠯᠠᠯ | ᠢ ᠲᠤᠳᠤᠷᠬᠠᠶᠢᠯᠠᠨ᠎ᠠ᠃ ᠦᠯᠥ ᠬᠦᠳᠡᠯᠬᠦ ᠬᠦᠷᠥᠩᠭᠡ ᠶᠢ ᠨᠢᠭᠡᠳᠥᠯᠳᠠᠢ ᠳᠡᠩᠰᠠᠯᠠᠬᠤ ᠠᠵᠢᠯ ᠢ ᠪᠦᠬᠦ ᠲᠠᠯ᠎ᠠ ᠪᠠᠷ | ᠦᠷᠨᠢᠭᠦᠯᠥᠨᠠ᠃ ᠠᠯᠪᠠᠨ ᠲᠡᠷᠭᠡᠨ ᠤ ᠦᠭᠡᠷᠡᠴᠢᠯᠡᠯᠳᠠ ᠶᠢ ᠴᠠᠭ ᠲᠤᠨᠢ ᠪᠡᠶᠡᠯᠡᠭᠦᠯᠵᠤ᠂ ᠮᠠᠯᠵᠢᠬᠤ ᠲᠠᠷᠢᠶᠠᠯᠠᠬᠤ | ᠤᠷᠤᠨ ᠤ ᠶᠠᠷᠥᠩᠭᠡᠶᠢᠯᠡᠭᠰᠡᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠨᠡᠶᠢᠳᠠ | ᠶᠢᠨ ᠭᠠᠵᠠᠷ ᠰᠢᠷᠤᠢ ᠶᠢᠨ ᠦᠮᠴᠢᠯᠡᠬᠦ ᠡᠷᠬᠡ ᠶᠢ ᠳᠠᠩᠰᠠᠯᠠᠨ ᠭᠡᠷᠡᠴᠢ ᠲᠠᠷᠬᠠᠭᠠᠬᠤ ᠠᠵᠢᠯ᠂ ᠨᠤᠳᠤᠭ ᠪᠡᠯᠴᠢᠭᠡᠷ ᠤᠨ | ᠡᠷᠭᠡ ᠶᠢ ᠲᠤᠳᠤᠯᠠᠨ ᠳᠤᠭᠳᠠᠭᠠᠵᠤ᠂ ᠳᠠᠭᠠᠭᠠᠴᠢᠯᠠᠨ ᠡᠵᠡᠩᠨᠡᠬᠦ ᠠᠵᠢᠯ ᠢ ᠪᠡᠶᠡᠯᠡᠭᠦᠯᠵᠤ᠂ ᠬᠠᠩᠭᠠᠨ ᠪᠤᠷᠤᠯᠠᠭᠤᠯᠬᠤ | ᠬᠤᠷᠰᠢᠶ᠎ᠠ᠂ ᠬᠦᠳᠡᠭᠡ ᠲᠤᠰᠬᠤᠨ ᠮᠠᠯᠵᠢᠬᠤ ᠤᠷᠤᠨ ᠤ ᠮᠦᠩᠭᠦᠨ ᠭᠦᠢᠯᠭᠡᠭᠡᠨ ᠤ ᠦᠭᠡᠷᠡᠴᠢᠯᠡᠯᠳᠠ ᠶᠢ ᠠᠬᠢᠭᠤᠯᠵᠤ᠂ | ᠮᠠᠯᠵᠢᠬᠤ ᠲᠠᠷᠢᠶᠠᠯᠠᠬᠤ ᠤᠷᠤᠨ ᠤ ᠦᠢᠯᠡᠳᠪᠥᠷᠢᠯᠡᠯ ᠤᠨ ᠬᠦᠴᠤᠨ ᠤ ᠴᠢᠯᠥᠭᠡᠯᠡᠯᠳᠠ ᠪᠤᠯᠤᠨ ᠬᠦᠭᠵᠢᠯᠳᠠ ᠶᠢ | ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠦᠲᠥᠴᠡ ᠶᠢᠨ ᠦᠭᠡᠷᠡᠴᠢᠯᠡᠯᠳᠠ ᠶᠢ ᠠᠬᠢᠭᠤᠯᠵᠤ᠂ ᠰᠢᠨ᠎ᠡ ︽ | ᠳᠦᠰᠥᠪ ᠤᠨ ᠬᠠᠤᠯᠢ︾ ᠶᠢ ᠴᠢᠩᠭ᠎ᠠ ᠬᠡᠷᠡᠭᠵᠢᠭᠦᠯᠵᠤ᠂ ᠭᠠᠵᠠᠷ ᠤᠷᠤᠨ᠂ ᠰᠠᠯᠠᠭ᠎ᠠ ᠮᠦᠴᠢᠷ ᠤᠨ ᠲᠦᠰᠥᠪ᠂ | ᠲᠦᠰᠥᠪ ᠤᠨ ᠭᠦᠢᠴᠡᠳᠬᠡᠯ ᠢᠶᠠᠨ ᠨᠠᠶᠢᠳᠡᠯᠡᠬᠦ ᠶᠢ ᠭᠡᠷᠡᠭᠵᠢᠭᠦᠯᠵᠤ᠂ ᠡᠳ᠋ ᠤᠨ ᠵᠠᠰᠠᠭ ᠤᠨ ᠲᠦᠰᠥᠪ ᠤᠨ ᠬᠠᠤᠯᠢ | ᠪᠠᠷ ᠲᠡᠬᠢᠨ ᠨᠡᠮᠡᠬᠦ ᠲᠦᠷᠢᠮ ᠢ ᠪᠦᠷᠢᠨᠰᠢᠭᠦᠯᠵᠤ᠂ ᠡᠳ᠋ ᠤᠨ ᠵᠠᠰᠠᠭ ᠤᠨ ᠮᠦᠩᠭᠦᠨ ᠤ ᠬᠡᠷᠡᠭᠯᠡᠬᠦ ᠠᠰᠢᠭ ᠢ | ᠳᠡᠭᠡᠭᠰᠢᠯᠡᠭᠦᠯᠥᠨ᠎ᠠ᠂ ᠨᠠᠶᠢᠭᠡᠮ ᠤᠨ ᠬᠠᠮᠢᠶᠠᠷᠥᠯᠳᠠ ᠶᠢᠨ ᠲᠦᠷᠢᠮ ᠤᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠤ᠂ | ᠡᠷᠬᠡ ᠰᠦᠷᠳᠤ ᠢᠳᠡᠭᠡᠨ ᠪᠠ ᠡᠮ ᠤᠨ ᠵᠦᠢᠯᠡᠰ ᠢ ᠬᠢᠨᠠᠨ ᠬᠠᠮᠢᠶᠠᠷᠠᠬᠤ ᠨᠢᠭᠡᠳᠥᠯᠳᠠᠢ ᠰᠢᠰᠲ᠋ᠧᠮ ᠢ ᠪᠠᠶᠢᠭᠤᠯᠵᠤ᠂ | ᠢᠳᠡᠭᠡᠨ ᠪᠠ ᠡᠮ ᠤᠨ ᠵᠦᠢᠯᠡᠰ ᠤᠨ ᠠᠮᠥᠷ ᠲᠦᠪᠰᠢᠨ ᠤ ᠬᠠᠮᠢᠶᠠᠷᠥᠯᠳᠠ ᠶᠢᠨ ᠬᠢᠨᠠᠨ ᠬᠠᠮᠢᠶᠠᠷᠬᠤ ᠳᠤᠤᠷ ᠢ | ᠪᠠᠬᠢᠵᠢᠭᠦᠯᠤᠨ᠎ᠡ᠃ | — ᠵᠠᠰᠠᠭ ᠤᠨ ᠤᠷᠳᠤᠨ ᠤ ᠲᠤᠰᠢᠶᠠᠯ ᠴᠢᠳᠠᠮᠵᠢ ᠪᠠᠨ ᠬᠠᠤᠯᠢ ᠪᠠᠷ ᠪᠦᠬᠦ ᠲᠠᠯ᠎ᠠ ᠪᠠᠷ ᠭᠦᠢᠴᠡᠳᠭᠡᠨ᠎ᠠ᠃ | ᠬᠠᠤᠯᠢᠵᠢᠯ ᠰᠡᠳᠬᠢᠬᠦᠢ ᠪᠤᠯᠤᠨ ᠬᠠᠤᠯᠢᠵᠢᠯ ᠠᠷᠭ᠎ᠠ ᠮᠠᠶ᠋ᠢᠭ ᠢᠶᠠᠷ ᠡᠷᠭᠡ ᠲᠤᠰᠢᠶᠠᠯ ᠢᠶᠠᠨ ᠭᠡᠷᠡᠭᠵᠢᠭᠦᠯᠵᠤ᠂ ︽ᠬᠠᠤᠯᠢ | ᠳᠤ ᠳᠤᠭᠳᠠᠭᠠᠭᠰᠠᠨ ᠬᠠᠷᠢᠭᠤᠴᠠᠯᠭ᠎ᠠ ᠪᠠᠨ ᠵᠠᠪᠠᠯ ᠭᠦᠢᠴᠡᠳᠬᠡᠵᠤ᠂ ᠬᠠᠤᠯᠢ ᠶᠢᠨ ᠬᠠᠷᠢᠭᠤᠴᠠᠯᠭ᠎ᠠ ᠦᠭᠭᠦᠭᠰᠡᠨ | ᠦᠭᠡᠢ ᠪᠤᠯ ᠬᠢᠵᠤ ᠦᠯᠥ ᠪᠤᠯᠬᠤ︾ ᠶᠢ ᠦᠨᠨᠡᠬᠦ ᠪᠠᠷᠢᠮᠳᠠᠯᠠᠨ᠎ᠠ᠃ ᠵᠠᠰᠠᠭ ᠤᠨ ᠤᠷᠳᠤᠨ ᠤ ᠬᠠᠤᠯᠢ ᠲᠦᠷᠢᠮ | ᠪᠤᠯᠤᠨ ᠬᠠᠤᠯᠢ ᠴᠠᠭᠠᠵᠠ ᠶᠢᠨ ᠵᠦᠪᠯᠡᠭᠴᠢ ᠶᠢᠨ ᠡᠩᠨᠠᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠵᠠᠬᠢᠷᠭᠠᠨ | ᠤ ᠬᠠᠤᠯᠢ ᠭᠡᠷᠡᠭᠵᠢᠭᠦᠯᠬᠦ ᠳᠤᠮᠳᠠᠬᠢ ᠭᠤᠤᠯᠴᠢ ᠪᠤᠰᠤ ᠠᠰᠠᠭᠤᠳᠠᠯ ᠢ ᠵᠠᠰᠠᠨ ᠴᠡᠭᠴᠡᠯᠡᠵᠤ᠂ ᠭᠤᠤᠯᠴᠢ ᠪᠤᠯᠪᠠᠰᠤᠨ | ᠢᠶᠠᠷ ᠬᠠᠤᠯᠢ ᠭᠡᠷᠡᠭᠵᠢᠭᠦᠯᠭᠦ ᠶᠢ ᠠᠬᠢᠭᠤᠯᠤᠨ᠎ᠠ᠃ ︽ᠭᠤᠷᠪᠠᠨ ᠢᠯᠡ ᠪᠠᠶᠢᠯᠭᠠᠬᠤ︾ ᠬᠦᠴᠤᠯᠠᠴᠡ ᠪᠠᠨ | ᠨᠡᠮᠡᠭᠳᠡᠭᠦᠯᠵᠤ᠂ ᠵᠠᠰᠠᠭ ᠤᠨ ᠤᠷᠳᠤᠨ ᠤ ᠢᠯᠡ ᠳᠤᠳᠤ ᠪᠠᠶᠢᠬᠤ ᠶᠢ ᠲᠠᠰᠤᠷᠠᠯᠳᠠ ᠦᠭᠡᠢ ᠨᠡᠮᠡᠭᠳᠡᠭᠦᠯᠥᠨ᠎ᠠ᠂ ᠬᠠᠤᠯᠢ | ᠪᠠᠷ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ ᠶᠢ ᠬᠦᠯᠢᠶᠡᠵᠤ᠂ ᠤᠯᠤᠰ | ᠲᠦᠷᠥ ᠶᠢᠨ ᠵᠦᠪᠯᠡᠯᠭᠡᠨ ᠤ ᠠᠷᠠᠳᠴᠢᠯᠠᠯ ᠤᠨ ᠬᠢᠨᠡᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠵᠠᠭᠤᠴᠢᠯᠠᠭᠤᠷ | ᠪᠤᠯᠤᠨ ᠤᠯᠠᠨ ᠲᠦᠮᠡᠨ ᠤ ᠬᠢᠨᠠᠯᠳᠠ ᠶᠢ ᠰᠠᠶᠢᠳᠤᠷ ᠬᠦᠯᠢᠶᠡᠨ᠎ᠡ᠃ | — ᠭᠡᠷᠡᠭᠵᠢᠭᠦᠯᠬᠦ ᠨᠠᠶᠢᠳᠠᠪᠥᠷᠢᠵᠢᠭᠤᠯᠬᠤ ᠴᠢᠳᠠᠪᠥᠷᠢ ᠪᠠᠨ ᠦᠨᠡᠨᠬᠦ ᠳᠡᠭᠡᠭᠰᠢᠯᠡᠭᠦᠯᠥᠨ᠎ᠠ᠃ ᠨᠠᠮ ᠤᠨ ᠤᠯᠠᠨ | ᠲᠦᠮᠡᠨᠴᠢ ᠱᠤᠭᠤᠮ ᠤᠨ ᠬᠦᠮᠥᠵᠢᠯ ᠦᠢᠯᠡᠳᠥᠯᠭᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ | ᠪᠤᠳᠠᠳᠠᠢ︾ ᠲᠤᠰᠬᠠᠢ ᠰᠡᠳᠤᠪᠲᠤ ᠬᠦᠮᠥᠵᠢᠯ ᠤᠨ ᠦᠷ᠎ᠡ ᠪᠥᠳᠥᠭᠡᠯ ᠢ ᠪᠠᠳᠤᠳᠬᠠᠵᠤ᠂ ︽ᠬᠤᠶᠠᠷ ᠰᠤᠷᠤᠯᠴᠠᠯᠭ᠎ᠠ | ᠨᠢᠭᠡ ᠬᠢᠬᠦ︾ ᠰᠤᠷᠤᠯᠴᠠᠯᠭ᠎ᠠ ᠬᠦᠮᠥᠵᠢᠯ ᠢ ᠰᠠᠶᠢᠳᠤᠷ ᠦᠷᠨᠢᠭᠦᠯᠵᠤ᠂ ︽ᠲᠦᠷᠪᠡᠨ ᠰᠣᠷᠳᠠᠯ︾ ᠢ ᠦᠷᠭᠦᠯᠵᠢᠯᠡᠨ | ᠬᠠᠯᠠᠨ ᠰᠠᠶᠢᠵᠢᠷᠠᠭᠤᠯᠵᠤ᠂ ︽ᠴᠢᠩᠭ᠎ᠠ ᠪᠤᠰᠤ ᠪᠤᠳᠠᠳᠠᠢ ᠪᠤᠰᠤ︾ ᠳᠤᠪᠤᠶᠢᠮ᠎ᠠ ᠠᠰᠠᠭᠤᠳᠠᠯ ᠢ ᠴᠡᠭᠴᠡᠯᠡᠨ | ᠦᠭᠡᠷᠡᠴᠢᠯᠡᠨ᠎ᠡ᠃ ᠰᠠᠬᠢᠯᠭ᠎ᠠ ᠪᠠᠲᠤ ᠶᠢᠨ ᠦᠵᠡᠯ ᠤᠬᠠᠮᠰᠠᠷ᠂ ᠶᠤᠰᠤ ᠲᠦᠷᠢᠮ ᠤᠨ ᠦᠵᠡᠯᠳᠠ ᠪᠤᠯᠤᠨ ᠠᠷᠠᠳ ᠲᠤ | ᠦᠢᠯᠡᠴᠢᠯᠡᠬᠦ ᠤᠬᠠᠮᠰᠠᠷ ᠢ ᠪᠠᠳᠤ ᠪᠤᠢ ᠪᠤᠯᠭᠠᠵᠤ᠂ ᠨᠠᠮ ᠤᠨ ᠲᠦᠷᠢᠮ ᠪᠤᠯᠤᠨ ᠤᠯᠤᠰ ᠲᠦᠷᠥ ᠶᠢᠨ ᠳᠤᠭᠳᠠᠭᠠᠯ ᠢ | ᠴᠢᠩᠭ᠎ᠠ ᠰᠠᠬᠢᠵᠤ᠂ ᠦᠢᠯᠡᠴᠢᠯᠡᠭᠡᠨ ᠤ ᠦᠷ᠎ᠡ ᠠᠰᠢᠭ ᠢᠶᠠᠨ ᠳᠡᠭᠡᠭᠰᠢᠯᠡᠭᠦᠯᠵᠤ᠂ ᠠᠷᠢᠭᠤᠨ ᠴᠢᠭᠡᠴᠢ ᠲᠦᠷᠢ ᠲᠦᠷᠬᠦ | ᠶᠢ ᠪᠤᠢ ᠪᠤᠯᠭᠠᠵᠤ᠂ ᠰᠣᠷᠳᠠᠯ ᠤᠨ ᠪᠦᠳᠥᠭᠡᠨ ᠪᠠᠶᠢᠭᠤᠯᠤᠯᠳᠠ ᠶᠢᠨ ᠲᠦᠷᠢᠮ ᠳᠤᠭᠳᠠᠭᠠᠯ ᠢ ᠪᠦᠷᠢᠨᠰᠢᠭᠦᠯᠵᠤ᠂ | ᠵᠠᠰᠠᠭ ᠤᠨ ᠤᠷᠳᠤᠨ ᠤ ᠡᠷᠭᠢᠯᠡᠵᠤ ᠪᠠᠶᠢᠭ᠎ᠠ ᠠᠵᠢᠯ ᠨᠢᠭᠡ ᠪᠦᠷᠢ ᠶᠢ ᠦᠨᠡᠨ ᠪᠤᠳᠠᠳᠠᠢ ᠪᠠᠶᠢᠯᠭᠠᠵᠤ᠂ ᠵᠠᠰᠠᠭ ᠤᠨ | ᠤᠷᠳᠤᠨ ᠤ ᠠᠮᠠᠯᠠᠯᠳᠠ ᠤᠨ ᠪᠡᠶᠡᠯᠡᠭᠳᠡᠬᠦ ᠶᠢ ᠪᠠᠳᠤᠯᠠᠨ᠎ᠠ᠃ | — ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠯᠠᠪᠳᠠᠭᠤᠨ ᠠᠬᠢᠭᠤᠯᠤᠨ᠎ᠠ᠃ ︽ᠰᠠᠬᠢᠯᠭ᠎ᠠ | ᠪᠠᠳᠤ ᠰᠤᠷᠳᠠᠯ ᠢ ᠴᠡᠭᠴᠡᠯᠡᠬᠦ ᠤᠨ︾ ᠤ ᠠᠵᠢᠯᠯᠠᠭ᠎ᠠ ᠲᠠᠢ ᠤᠶᠠᠯᠳᠤᠭᠤᠯᠵᠤ᠂ ᠰᠠᠬᠢᠯᠭ᠎ᠠ ᠪᠠᠳᠤ ᠰᠤᠷᠳᠠᠯ ᠢ | ᠴᠡᠭᠴᠡᠯᠡᠬᠦ ᠠᠵᠢᠯ ᠢ ᠤᠳᠤᠷᠢᠳᠤᠬᠤ ᠪᠠᠭ ᠪᠤᠯᠤᠨ ᠤᠳᠤᠷᠢᠳᠤᠬᠤ ᠺᠠᠳ᠋ᠷ ᠤᠨ ᠵᠢᠯ ᠤᠨ ᠠᠮᠵᠢᠯᠳᠠ ᠪᠦᠳᠤᠮᠵᠢ ᠶᠢᠨ | ᠦᠨᠡᠯᠡᠯᠳᠠ ᠬᠢᠭᠦ ᠶᠢᠨ ᠴᠢᠬᠤᠯᠠ ᠠᠭᠤᠯᠭ᠎ᠠ ᠪᠤᠯᠭᠠᠵᠤ᠂ ᠨᠠᠮ ᠤᠨ ᠠᠷᠢᠭᠤᠨ ᠴᠢᠭᠡᠴᠢ ᠪᠠᠷ ᠵᠠᠰᠠᠭ ᠪᠡᠷᠢᠬᠤ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠥᠷᠢᠵᠢᠭᠤᠯᠵᠤ᠂ ᠵᠠᠯᠬᠠᠭᠠᠬᠤ ᠪᠤᠯᠤᠨ ᠢᠯᠵᠢᠷᠠᠯ ᠠᠴᠠ ᠰᠡᠷᠭᠡᠶᠢᠯᠡᠬᠦ | ᠲᠦᠷᠢᠮ ᠢ ᠴᠢᠩᠭᠠᠳᠬᠠᠨ ᠪᠦᠷᠢᠨᠰᠢᠭᠦᠯᠥᠨᠠ᠃ ᠲᠦᠪ ᠤᠨ ︽ᠨᠡᠢᠮᠠᠨ ᠲᠤᠭᠳᠠᠭᠠᠯ︾ ᠤᠨ ᠵᠤᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠥᠷᠢᠵᠢᠭᠤᠯᠵᠤ᠂ ︽ᠠᠷᠪᠢᠯᠠᠵᠤ ᠠᠮᠢᠳᠤᠷᠠᠬᠤ︾ ᠦᠵᠡᠯ ᠤᠬᠠᠮᠰᠠᠷ ᠢ ᠪᠠᠳᠤ ᠪᠤᠢ ᠪᠤᠯᠭᠠᠵᠤ | ᠂ ︽ᠭᠤᠷᠪᠠᠨ ᠠᠯᠪᠠᠨ︾ ᠵᠠᠷᠤᠳᠠᠯ ᠪᠤᠯᠤᠨ ᠡᠩ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠵᠠᠬᠢᠷᠭᠠᠨ ᠤ | ᠦᠪᠡᠷ ᠤᠨ ᠦᠷᠳᠡᠭ ᠢ ᠤᠯᠠᠮ ᠪᠠᠭᠠᠰᠬᠠᠨ᠎ᠠ᠃ ᠪᠢᠳᠡᠨ ᠵᠠᠪᠠᠯ ᠲᠡᠮᠤᠷ ᠮᠡᠲᠤ ᠪᠠᠳᠤ ᠴᠢᠩᠭ᠎ᠠ ᠰᠠᠬᠢᠯᠭ᠎ᠠ ᠪᠤᠯᠤᠨ | ᠬᠠᠷᠢᠭᠤᠴᠠᠯᠭ᠎ᠠ ᠶᠢ ᠬᠡᠵᠢᠶᠡᠳᠡ ᠪᠠᠷᠢᠮᠲᠠᠯᠠᠨ᠂ ᠠᠷᠠᠳ ᠤᠯᠠᠨ ᠤ ᠲᠤᠮᠳᠠᠬᠢ ᠵᠠᠰᠠᠭ ᠤᠨ ᠤᠷᠳᠤᠨ ᠤ ᠢᠳᠡᠭᠡᠯ | ᠳᠡᠮᠵᠢᠯᠭᠡ ᠶᠢ ᠨᠡᠮᠡᠭᠳᠡᠭᠦᠯᠵᠤ᠂ ᠦᠭᠡᠷᠡᠴᠢᠯᠡᠯᠳᠠ ᠬᠦᠭᠵᠢᠯᠳᠡ ᠶᠢᠨ ᠵᠦᠪ ᠡᠨᠧᠷᠭᠢ ᠶᠢ ᠨᠢᠭᠲᠠᠷᠠᠭᠤᠯᠤᠨ᠎ᠠ᠃ | ᠲᠦᠯᠥᠭᠡᠯᠡᠭᠴᠢᠳ ᠡ᠂ ᠠᠤᠭ᠎ᠠ ᠬᠠᠷᠠᠯᠳᠠ ᠬᠦᠮᠥᠨ ᠢ ᠤᠷᠠᠮᠰᠢᠭᠤᠯᠵᠤ᠂ ᠰᠠᠶᠢᠨ ᠰᠠᠶᠢᠬᠠᠨ ᠢᠷᠡᠭᠡᠳᠥᠢ | ᠪᠢᠳᠡᠨ ᠢ ᠴᠢᠷᠮᠠᠶᠢᠯᠭᠠᠵᠤ ᠪᠠᠶᠢᠨ᠎ᠠ᠃ ᠪᠢᠳᠡᠨ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ | ᠳᠤᠤᠷ᠎ᠠ᠂ ᠬᠤᠰᠢᠭᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠥ ᠶᠢᠨ ᠵᠦᠪᠯᠡᠯᠭᠡᠨ ᠤ | ᠬᠢᠨᠠᠯᠳᠠ ᠳᠡᠮᠵᠢᠯᠭᠡ ᠳᠤᠤᠷ᠎ᠠ᠂ ᠪᠦᠬᠦ ᠬᠤᠰᠢᠭᠤᠨ ᠤ ᠡᠯ᠎ᠡ ᠦᠨᠳᠤᠰᠤᠳᠡᠨ ᠤ ᠠᠷᠠᠳ ᠲᠦᠮᠡᠨ ᠤ ᠬᠠᠮᠲᠤ ᠶᠢᠨ | ᠴᠢᠷᠮᠡᠶᠢᠯᠭ᠎ᠠ ᠪᠠᠷ ᠰᠢᠷᠭᠠᠭᠤ ᠬᠠᠳᠠᠭᠤᠵᠢᠯᠳᠠᠢ ᠰᠢᠨᠳᠠᠷᠠᠰᠢ ᠦᠭᠡᠢ ᠠᠵᠢᠯᠯᠠᠬᠤ ᠵᠤᠷᠢᠭ ᠰᠠᠨᠠᠭ᠎ᠠ ᠪᠤᠯᠤᠨ ᠰᠢᠯᠢᠳᠡᠭ | ᠠᠵᠢᠯ ᠤᠨ ᠰᠤᠷᠳᠠᠯ ᠢ ᠪᠠᠳᠠᠷᠠᠭᠤᠯᠤᠨ᠂ ᠬᠦᠴᠤᠨ ᠴᠢᠳᠠᠯ ᠢᠶᠠᠨ ᠨᠢᠭᠡᠳᠭᠡᠨ᠂ ᠬᠦᠴᠢᠷ ᠪᠡᠷᠭᠡᠰᠢᠶᠡᠯ ᠢ ᠬᠠᠮᠳᠤᠪᠡᠷ | ᠲᠤᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠤᠬᠢ ᠰᠠᠶᠢᠨ ᠡᠬᠢᠯᠡᠯᠳᠠ ᠶᠢ ᠪᠤᠢ ᠪᠤᠯᠭᠠᠵᠤ᠂ | ᠴᠢᠨᠡᠭᠡᠯᠢᠭ ᠨᠠᠶᠢᠭᠡᠮ ᠢ ᠲᠤᠭᠳᠠᠭᠰᠠᠨ ᠬᠤᠭᠤᠴᠠᠭᠠᠨ ᠳᠤ ᠪᠠᠨ ᠪᠦᠬᠦ ᠲᠠᠯ᠎ᠠ ᠪᠠᠷ ᠪᠠᠶᠢᠭᠤᠯᠬᠤ ᠠᠤᠭ᠎ᠠ ᠬᠠᠷᠠᠯᠳᠠ ᠶᠢ | ᠪᠡᠶᠡᠯᠡᠭᠦᠯᠭᠦ ᠶᠢᠨ ᠲᠦᠯᠥᠭᠡ ᠴᠢᠷᠮᠠᠶᠢᠨ ᠲᠡᠮᠡᠴᠡᠴᠡᠭᠡᠶᠡ︕ | | | | | | ᠦᠭᠡᠰ ᠤᠨ ᠲᠠᠶᠢᠯᠤᠮᠵᠢ | 【 ᠬᠤᠶᠠᠷ ᠢ ᠠᠳᠬᠤᠵᠤ᠂ ᠭᠤᠷᠪᠠ ᠶᠢ ᠲᠡᠭᠡᠭᠰᠢᠯᠡᠭᠦᠯᠵᠤ᠂ ᠳᠦᠷᠪᠡ ᠶᠢ ᠬᠦᠭᠵᠢᠭᠦᠯᠬᠦ】 ᠨᠢᠭᠡ ᠭᠠᠷ ᠢᠶᠠᠷ ᠢᠶᠠᠨ | ᠲᠦᠷᠥᠯ ᠵᠦᠢᠯ ᠢ ᠠᠳᠬᠤᠨ ᠬᠤᠰᠢᠭᠤ ᠪᠠᠨ ᠬᠦᠴᠥᠷᠭᠡᠭᠵᠢᠭᠦᠯᠵᠤ᠂ ᠨᠦᠭᠦᠭᠡ ᠭᠠᠷ ᠢᠶᠠᠷ ᠢᠶᠠᠨ ᠦᠢᠯᠡᠳᠪᠥᠷᠢᠯᠡᠯ ᠢ | ᠠᠳᠬᠤᠵᠤ ᠠᠷᠠᠳ ᠢ ᠪᠠᠶᠠᠵᠢᠭᠤᠯᠤᠨ᠎ᠠ᠃ ᠪᠦᠬᠦ ᠴᠢᠳᠠᠯ ᠢᠶᠠᠷ ᠠᠵᠤ ᠠᠬᠤᠢ ᠶᠢᠨ ᠨᠡᠮᠡᠭᠳᠡᠯ ᠢ ᠬᠤᠷᠳᠤᠰᠬᠠᠬᠤ᠂ | ᠴᠢᠨᠠᠷ ᠴᠢᠨᠰᠠᠭᠠᠨ ᠤ ᠳᠡᠭᠡᠭᠰᠢᠯᠡᠯᠳᠠ ᠶᠢ ᠬᠦᠭᠵᠢᠭᠦᠯᠬᠦ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ | ᠳᠡᠭᠡᠭᠰᠢᠯᠡᠭᠦᠯᠬᠦ ᠢ ᠠᠬᠢᠭᠤᠯᠤᠨ᠎ᠠ᠃ ᠤᠨᠴᠠᠯᠢᠭᠳᠤ ᠬᠦᠭᠵᠢᠯᠳᠠ᠂ ᠴᠤᠭᠯᠠᠷᠠᠭᠰᠠᠨ ᠬᠦᠭᠵᠢᠯᠳᠠ᠂ ᠪᠠᠶᠢᠭᠠᠯᠯᠢᠭ | ᠬᠦᠭᠵᠢᠯᠳᠠ᠂ ᠨᠢᠭᠡᠳᠥᠯᠳᠠᠢ ᠲᠦᠯᠥᠪᠯᠡᠭᠰᠡᠨ ᠬᠦᠭᠵᠢᠯᠳᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠨ᠎ᠠ᠃ | 【 ᠭᠤᠷᠪᠠ ᠶᠢ ᠦᠨᠳᠥᠷ ᠪᠠᠶᠢᠯᠭᠠᠵᠤ᠂ ᠳᠦᠷᠪᠡ ᠶᠢ ᠲᠡᠩᠴᠡᠭᠦᠥ ᠪᠠᠶᠢᠯᠭᠠᠬᠤ】 ᠤᠷᠤᠨ ᠨᠤᠳᠤᠭ ᠤᠨ | ᠦᠢᠯᠡᠳᠪᠦᠷᠢᠯᠡᠯ ᠤᠨ ᠶᠡᠷᠥᠩᠭᠡᠢ ᠦᠷᠳᠡᠭ᠂ ᠠᠵᠤ ᠦᠢᠯᠡᠳᠪᠥᠷᠢᠯᠡᠯ ᠤᠨ ᠨᠡᠮᠡᠭᠳᠡᠯ ᠦᠷᠳᠡᠭ ᠪᠤᠯᠤᠨ ᠪᠦᠬᠦ ᠨᠠᠶᠢᠭᠡᠮ | ᠤᠨ ᠳᠤᠭᠳᠠᠮᠠᠯ ᠬᠦᠷᠥᠩᠭᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠶᠢ ᠴᠦᠮ ᠪᠦᠬᠦ ᠠᠶᠢᠮᠠᠭ | ᠤᠨ ᠳᠡᠭᠰᠢᠳᠭᠡᠭᠰᠡᠨ ᠲᠦᠪᠰᠢᠨ ᠠᠴᠠ ᠳᠡᠭᠡᠭᠰᠢ ᠪᠠᠶᠢᠯᠭᠠᠵᠤ᠂ ᠤᠯᠠᠨ ᠨᠡᠶᠢᠳᠠ ᠶᠢᠨ ᠡᠳ᠋ ᠤᠨ ᠵᠠᠰᠠᠭ ᠤᠨ ᠳᠦᠰᠥᠪ | ᠤᠨ ᠤᠷᠤᠯᠭ᠎ᠠ᠂ ᠪᠦᠬᠦ ᠨᠠᠶᠢᠭᠡᠮ ᠤᠨ ᠭᠡᠷᠡᠭᠯᠡᠭᠡᠨ ᠤ ᠵᠤᠶᠢᠯᠡᠰ ᠤᠨ ᠵᠢᠵᠢᠭᠯᠡᠨ ᠬᠤᠳᠠᠯᠳᠤᠭᠰᠠᠨ ᠶᠡᠷᠥᠩᠬᠡᠢ ᠦᠷᠳᠡᠭ | ᠪᠤᠯᠤᠨ ᠬᠤᠳᠡ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠳᠡᠭᠰᠢᠳᠬᠡᠭᠰᠡᠨ ᠡᠵᠡᠮᠰᠢᠵᠦ ᠪᠤᠯᠬᠤ | ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠶᠢ ᠴᠦᠮ ᠪᠦᠬᠦ ᠠᠶᠢᠮᠠᠭ ᠤᠨ ᠳᠡᠭᠰᠢᠳᠭᠡᠭᠰᠡᠨ ᠲᠦᠪᠰᠢᠨ ᠲᠠᠢ | ᠵᠡᠷᠭᠡᠴᠡᠭᠦᠯᠥᠨᠠ᠃ | 【 ᠭᠤᠷᠪᠠᠨ ᠵᠠᠭᠤᠨ ᠵᠢᠱᠢᠶ᠎ᠡ ᠦᠵᠡᠭᠦᠯᠬᠦ ᠢᠨᠵᠧᠨᠧᠷᠢᠩ】 ᠦᠢᠯᠡᠳᠪᠥᠷᠢᠯᠡᠯ ᠤᠨ ᠲᠦᠷᠥ ᠶᠢᠨ ᠪᠤᠳᠤᠯᠭ᠎ᠠ᠂ | ᠦᠰᠤᠨ ᠪᠤᠶᠢᠵᠢᠬᠤ ᠬᠠᠷᠠᠯᠳᠠ ᠰᠠᠶᠢᠨ᠂ ᠳᠠᠭᠠᠭᠤᠯᠬᠤ ᠦᠢᠯᠡᠳᠥᠯ ᠳᠤᠪᠥᠶᠢᠮᠠ᠂ ᠮᠡᠷᠭᠡᠵᠢᠯ ᠤᠨ ᠠᠭᠤᠯᠠᠭᠳᠠᠴᠠ | ᠦᠨᠳᠤᠷ ᠰᠢᠯᠢᠳᠡᠭ ᠬᠤᠪᠢ ᠶᠢᠨ ᠠᠵᠤ ᠠᠬᠤᠶᠢᠯᠠᠯ ︵ᠬᠤᠪᠢ ᠶᠢᠨ ᠡᠵᠡᠩᠨᠡᠯᠳᠠ ᠶᠢᠨ ᠡᠷᠥᠬᠡ︶ ᠶᠢᠨ ᠳᠤᠮᠳᠠ ᠠᠴᠠ | ︽ᠵᠠᠭᠤᠨ ᠬᠤᠪᠢ ᠶᠢᠨ ᠡᠵᠡᠩᠨᠡᠯᠳᠠ ᠶᠢᠨ ᠡᠷᠥᠬᠡ᠂ ᠵᠠᠭᠤᠨ ᠪᠠᠭ᠎ᠠ ᠪᠢᠴᠢᠯ ᠠᠵᠤ ᠠᠬᠤᠶᠢᠯᠠᠯ᠂ ᠵᠠᠭᠤᠨ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ︾ ᠳᠤ ᠦᠨᠡᠯᠡᠯᠳᠠ ᠬᠢᠬᠦ ᠪᠤᠯᠤᠨ ᠰᠢᠯᠢᠨ ᠰᠤᠩᠭᠤᠵᠤ᠂ ᠪᠦᠬᠦ | ᠠᠶᠢᠮᠠᠭ ᠤᠨ ᠵᠢᠱᠢᠶ᠎ᠡ ᠦᠵᠡᠭᠦᠯᠬᠦ ᠠᠵᠤ ᠠᠬᠤᠶᠢᠯᠡᠯ ᠪᠤᠯᠭᠠᠨ ᠬᠦᠳᠥᠯᠥᠩᠭᠦᠢ ᠪᠠᠷ ᠬᠦᠮᠥᠵᠢᠭᠦᠯᠵᠤ᠂ ᠬᠠᠪᠰᠤᠷᠤᠨ | ᠳᠡᠮᠵᠢᠬᠦ ᠪᠠᠷ ᠳᠠᠮᠵᠢᠨ ᠳᠤᠮᠤ ᠪᠤᠯᠭᠠᠨ ᠬᠦᠴᠥᠷᠬᠡᠭ ᠪᠤᠯᠭᠠᠨ᠎ᠠ᠃ | 【 ᠬᠤᠶᠠᠷ ᠤᠷᠤᠨ᠂ ᠭᠤᠷᠪᠠᠨ ᠱᠤᠭᠤᠮ】 ᠬᠤᠶᠠᠷ ᠤᠷᠤᠨ᠄ ᠭᠤᠤᠯ ᠪᠤᠯᠬᠤ ᠦᠵᠡᠮᠵᠢᠳᠤ ᠤᠷᠤᠨ᠂ ᠪᠠᠶᠢᠭᠠᠯᠢ | ᠶᠢᠨ ᠬᠠᠮᠠᠭᠠᠯᠠᠯᠳᠠ ᠶᠢᠨ ᠤᠷᠤᠨ᠂ ᠬᠤᠳᠠ ᠶᠢᠨ ᠲᠦᠯᠥᠪᠵᠢᠭᠦᠯᠭᠡ ᠶᠢᠨ ᠤᠷᠤᠨ᠃ ᠬᠤᠶᠠᠷ ᠱᠤᠭᠤᠮ᠄ ᠲᠡᠮᠥᠷ ᠵᠠᠮ | ᠪᠤᠯᠤᠨ ᠭᠤᠤᠯ ᠪᠤᠯᠬᠤ ᠵᠠᠰᠠᠮᠠᠯ ᠵᠠᠮ ᠤᠨ ᠲᠠᠭᠠᠤ ᠶᠢᠨ ᠱᠤᠭᠤᠮ᠂ ᠳᠠᠯᠠᠢ ᠶᠢᠨ ᠡᠷᠭᠢ ᠶᠢᠨ ᠱᠤᠭᠤᠮ᠃ | 【 ᠭᠤᠷᠪᠠ ᠶᠢ ᠳᠤᠰᠬᠤᠨ ᠳᠤ ᠬᠦᠷᠭᠡᠵᠤ᠂ ᠭᠤᠷᠪᠠ ᠶᠢ ᠡᠷᠥᠬᠡ ᠳᠤ ᠬᠦᠷᠭᠡᠭᠦ】 ᠲᠦᠯᠥᠪᠵᠢᠭᠦᠯᠭᠡ ᠶᠢ | ᠲᠤᠰᠬᠤᠨ᠂ ᠡᠷᠥᠬᠡ ᠳᠤ ᠬᠦᠷᠭᠡᠬᠦ᠃ ᠲᠦᠷᠥᠯ ᠵᠦᠢᠯ ᠢ ᠲᠤᠰᠬᠤᠨ᠂ ᠡᠷᠥᠬᠡ ᠳᠤ ᠬᠦᠷᠭᠡᠭᠦ᠃ ᠺᠠᠳ᠋ᠷ ᠢ ᠳᠤᠰᠬᠤᠨ᠂ | ᠡᠷᠥᠬᠡ ᠳᠤ ᠬᠦᠷᠭᠡᠬᠦ᠃ | 【ᠬᠤᠶᠠᠷ ᠫᠧᠩ᠂ ᠨᠢᠭᠡ ᠡᠪᠡᠰᠤᠨ ᠤ ᠦᠢᠯᠡᠰ】 ᠮᠠᠯ ᠤᠨ ᠫᠧᠩ᠂ ᠡᠪᠡᠰᠤᠨ ᠫᠧᠩ ᠪᠠ ᠡᠪᠡᠰᠤᠨ ᠤ ᠦᠢᠯᠡᠰ᠃ | 【ᠲᠦᠷᠪᠡᠨ ᠪᠦᠬᠦ ᠲᠠᠯ᠎ᠠ ᠶᠢᠨ ᠪᠠᠶᠢᠷᠢᠯᠠᠭᠤᠯᠤᠯᠲᠠ】 ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ᠎ᠠ᠂ | ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠨ᠎ᠠ | ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠨ᠎ᠠ᠃ | 【ᠲᠠᠪᠤᠨ ᠶᠡᠭᠡ ᠬᠦᠭᠵᠢᠯᠲᠡ ᠶᠢᠨ ᠤᠶᠢᠯᠠᠭᠠᠭᠳᠠᠬᠤᠨ】 ᠰᠢᠨ᠎ᠡ ᠶᠢ ᠡᠭᠦᠳᠬᠦ ᠬᠦᠭᠵᠢᠯᠲᠡ᠂ ᠵᠤᠭᠢᠴᠠᠩᠭᠤᠢ | ᠬᠦᠭᠵᠢᠯᠲᠠ᠂ ᠪᠤᠬᠢᠷᠳᠠᠯ ᠦᠭᠡᠢ ᠬᠦᠭᠵᠢᠯᠲᠠ᠂ ᠨᠡᠭᠡᠭᠡᠯᠲᠡᠲᠦ ᠬᠦᠭᠵᠢᠯᠲᠠ᠂ ᠬᠠᠮᠲᠤᠪᠡᠷ ᠡᠳᠡᠯᠡᠬᠦ ᠬᠦᠭᠵᠢᠯᠲᠡ᠃ | 【ᠬᠤᠶᠠᠷ ᠢ ᠰᠤᠷᠤᠯᠴᠠᠵᠤ᠂ ᠨᠢᠭᠡ ᠪᠤᠯᠬᠤ】 ᠨᠠᠮ ᠤᠨ ᠲᠦᠷᠢᠮ ᠨᠠᠮ ᠤᠨ ᠲᠤᠭᠳᠠᠭᠠᠯ ᠢ ᠰᠤᠷᠤᠯᠴᠠᠨ᠂ ᠰᠢᠷᠢᠰ | ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ᠃ | 【ᠨᠢᠭᠡ ᠪᠦᠰᠡ ᠨᠢᠭᠡ ᠵᠠᠮ】 ᠲᠤᠷᠭᠠᠨ ᠵᠠᠮ ᠤᠨ ᠠᠵᠤ ᠠᠬᠤᠢ ᠤᠨ ᠪᠦᠰᠡ ᠪᠠ 21 ᠳ᠋ᠦᠭᠡᠷ ᠵᠠᠭᠤᠨ ᠤ ᠳᠠᠯᠠᠢ | ᠳᠡᠭᠡᠷᠡᠬᠢ ᠲᠤᠷᠭᠠᠨ ᠵᠠᠮ᠃ |