ᠰᠦᠨᠢᠳ ᠪᠠᠷᠠᠭᠤᠨ ᠬᠤᠰᠢᠭᠤᠨ ᠤ 2015 ᠤᠨ ᠤ ᠵᠠᠰᠠᠭ ᠤᠨ ᠤᠷᠳᠤᠨ ᠤ  ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2016/8/30
       — — 2016 ᠤᠨ ᠤ 3 ᠳ᠋ᠤᠭᠠᠷ ᠰᠠᠷ᠎ᠠ ᠶᠢᠨ 9   ᠤ ᠡᠳᠦᠷ   ᠤᠨ ᠰᠦᠨᠢᠳ ᠪᠠᠷᠠᠭᠤᠨ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠲᠡᠭᠡᠷ᠎ᠡ     ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠳᠠᠷᠤᠭ᠎ᠠ    ᠪᠦᠷᠢᠨᠵᠢᠨᠲᠦᠯᠦᠭᠡᠯᠡᠭᠴᠢᠳ ᠡ᠄     ᠤᠳᠤ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ︽ᠰᠦᠨᠢᠳ ᠪᠠᠷᠠᠭᠤᠨ ᠬᠤᠰᠢᠭᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠬᠦᠯᠦᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠬᠦᠯᠭᠡ ᠶᠢᠨ ᠬᠥᠳᠦᠯᠪᠤᠷᠢ ︵ᠨᠤᠤᠷᠠᠭ︶ ︾ ᠲᠠᠢ   ᠬᠠᠷᠭᠤᠭᠤᠯᠤᠨ ᠬᠢᠨᠠᠨ ᠵᠥᠪᠯᠡᠬᠦ ᠪᠤᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠨ ᠨᠥᠬᠦᠳ ᠴᠦ ᠰᠠᠨᠠᠯ ᠢᠶᠠᠨ ᠲᠡᠪᠰᠢᠬᠦᠯᠬᠦ ᠪᠤᠯᠪᠠᠤ᠃     ᠨᠢᠭᠡ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯᠤᠨ 2015 ᠤᠨ ᠤ ᠠᠵᠢᠯ ᠤᠨ ᠡᠷᠬᠢᠴᠡᠬᠦᠯᠦᠯ     ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠬᠦᠭᠵᠢᠯᠳᠡ ᠶᠢᠨ ᠲᠤᠮᠳᠠᠬᠢ ᠴᠢᠬᠤᠯᠠ ᠠᠴᠢ ᠬᠤᠯᠪᠤᠭᠳᠠᠯ ᠪᠦᠬᠦᠢ ᠴᠠᠭ ᠬᠤᠭᠤᠴᠠᠭ᠎ᠠ ᠪᠤᠯᠤᠨ᠎ᠠ᠃ ᠲᠠᠪᠤᠨ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠲᠠᠢ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠥᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠪᠢᠳᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠪᠥᠯᠬᠦᠮᠳᠡᠨ ᠲᠡᠮᠡᠴᠡᠵᠦ᠂ ᠪᠦᠬᠦ ᠬᠤᠰᠢᠭᠤᠨ ᠤ ᠠᠵᠦ ᠠᠬᠤᠢ ᠨᠡᠶᠢᠭᠡᠮ  ᠤᠨ ᠬᠦᠭᠵᠢᠯᠳᠡ ᠶᠢᠨ ᠰᠢᠨ᠎ᠡ ᠪᠠᠶᠢᠳᠠᠯ ᠢ ᠡᠭᠦᠳᠪᠡ᠃     ︵ᠨᠢᠭᠡ︶ ᠶᠡᠷᠦᠩᠬᠡᠶᠢᠯᠡᠭᠰᠡᠨ ᠠᠵᠦ ᠠᠬᠤᠢ ᠶᠢᠨ ᠪᠤᠳᠠᠲᠦ ᠬᠦᠴᠦᠨ ᠢᠯᠡᠳᠳᠠ ᠴᠢᠩᠭᠠᠷᠠᠪᠠ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠦᠬᠦ ᠬᠤᠰᠢᠭᠤᠨ ᠤ ᠤᠷᠤᠨ ᠨᠤᠳᠤᠭ ᠤᠨ ᠤᠶᠢᠯᠡᠳᠪᠦᠷᠢᠯᠡᠯ  ᠤᠨ ᠶᠡᠷᠦᠩᠬᠡᠢ ᠥᠷᠳᠡᠭ 2010 ᠤᠨ ᠤ 36 ᠳ᠋ᠦᠩᠰᠢᠭᠤᠷ ᠲᠥᠭᠦᠷᠢᠭ ᠠᠴᠠ ᠨᠡᠮᠡᠭᠳᠡᠭᠡᠳ 59.5 ᠳ᠋ᠦᠩᠰᠢᠭᠤᠷ ᠲᠥᠭᠦᠷᠢᠭ ᠪᠤᠯᠵᠦ᠂ ᠵᠢᠯ ᠲᠤᠮᠳᠠᠴᠢ ᠪᠠᠷ 10.6% ᠪᠠᠷ ᠨᠡᠮᠡᠭᠳᠡᠪᠡ᠃ ᠲᠠᠪᠤᠨ ᠵᠢᠯ ᠤᠨ ᠲᠤᠷᠰᠢ ᠨᠡᠶᠢᠳᠡ 197.6 ᠳ᠋ᠦᠩᠰᠢᠭᠤᠷ ᠲᠥᠭᠦᠷᠢᠭ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠵᠢᠯ ᠲᠤᠮᠳᠠᠴᠢ ᠪᠠᠷ 12.5% ᠪᠠᠷ ᠨᠡᠮᠡᠭᠳᠡᠵᠠᠢ᠂ ᠡᠨᠡ ᠨᠢ ︽ᠠᠷᠪᠠᠨ ᠨᠢᠭᠡᠳᠦᠭᠡᠷ ᠲᠠᠪᠤᠨ ᠵᠢᠯ︾ ᠤᠨ ᠨᠢᠭᠡ ᠲᠠᠬᠢᠨ ᠪᠤᠯᠤᠨ᠎ᠠ᠃ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠵᠢᠯ ᠲᠤᠮᠳᠠᠴᠢ ᠪᠠᠷ 5% ᠪᠠᠷ ᠨᠡᠮᠡᠭᠳᠡᠵᠦ᠂ ᠤᠷᠤᠨ ᠨᠤᠳᠤᠭ ᠤᠨ ᠡᠳ᠋ ᠤᠨ ᠵᠠᠰᠠᠭ ᠤᠨ ᠲᠦᠰᠦᠪ ᠤᠨ ᠶᠡᠷᠦᠩᠬᠡᠢ ᠵᠠᠷᠤᠯᠭ᠎ᠠ ᠵᠢᠯ ᠲᠤᠮᠳᠠᠴᠢ ᠪᠠᠷ 15.4% ᠪᠠᠷ ᠨᠡᠮᠡᠭᠳᠡᠪᠡ᠃ ᠬᠤᠳᠠ ᠪᠠᠯᠭᠠᠰᠦᠨ ᠤ ᠰᠠᠭᠤᠭᠠᠯᠢ ᠠᠷᠠᠳ ᠤᠨ ᠬᠦᠮᠥᠨ ᠪᠦᠷᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ  15219 ᠲᠥᠭᠦᠷᠢᠭ ᠠᠴᠠ ᠨᠡᠮᠡᠭᠳᠡᠭᠡᠳ 29413 ᠲᠥᠭᠦᠷᠢᠭ ᠪᠤᠯᠵᠦ᠂ ᠵᠢᠯ ᠲᠤᠮᠳᠠᠴᠢ ᠪᠠᠷ 14.1% ᠪᠠᠷ ᠨᠡᠮᠡᠭᠳᠡᠪᠡ᠃ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠬᠦᠮᠥᠨ ᠪᠦᠷᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ 5140 ᠲᠥᠭᠦᠷᠢᠭ ᠠᠴᠠ ᠨᠡᠮᠡᠭᠳᠡᠭᠡᠳ 8405 ᠲᠥᠭᠦᠷᠢᠭ ᠪᠤᠯᠵᠦ᠂ ᠵᠢᠯ ᠲᠤᠮᠳᠠᠴᠢ ᠪᠠᠷ 10.3% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠥᠷᠳᠡᠭ 8.5 ᠳ᠋ᠦᠩᠰᠢᠭᠤᠷ ᠲᠥᠭᠦᠷᠢᠭ ᠠᠴᠠ ᠨᠡᠮᠡᠭᠳᠡᠭᠡᠳ 15.8 ᠳ᠋ᠦᠩᠰᠢᠭᠤᠷ ᠲᠥᠭᠦᠷᠢᠭ ᠪᠤᠯᠵᠦ᠂ ᠵᠢᠯ ᠲᠤᠮᠳᠠᠴᠢ ᠪᠠᠷ 13.2% ᠢᠶᠠᠷ ᠨᠡᠮᠡᠭᠳᠡᠪᠡ᠃ ᠭᠤᠷᠪᠠᠨ ᠲᠦᠷᠦᠯ ᠤᠨ ᠠᠵᠦ ᠤᠶᠢᠯᠡᠰ  ᠤᠨ ᠪᠥᠲᠦᠴᠡ ᠶᠢᠨ ᠬᠠᠷᠢᠴᠠᠯ 7.3᠄ 70.5᠄ 22.2 ᠠᠴᠠ 8.6᠄ 66.9᠄ 24.5 ᠪᠤᠯᠪᠠ᠃     ︵ᠬᠤᠶᠠᠷ︶ ᠤᠯᠠᠨ ᠡᠰᠢᠵᠢᠯᠡᠭᠰᠡᠨ ᠠᠵᠦ ᠤᠶᠢᠯᠡᠰ ᠤᠨ ᠲᠤᠯᠭᠠᠭᠤᠷᠢᠯᠠᠭᠴᠢ ᠰᠢᠰᠲ᠋ᠧᠮ ᠠᠯᠬᠤᠮ ᠠᠯᠬᠤᠮ  ᠢᠶᠠᠷ ᠪᠥᠷᠢᠯᠳᠦᠪᠡ᠃ ᠦᠨᠳᠦᠷ ᠦᠷ᠎ᠡ ᠠᠰᠢᠭᠲᠦ ᠠᠮᠢ ᠠᠬᠤᠢ ᠶᠢᠨ ᠭᠠᠮᠰᠢᠭ ᠠᠴᠠ ᠵᠠᠶᠢᠯᠠᠬᠤ ᠬᠡᠯᠪᠡᠷᠢ ᠶᠢᠨ ᠮᠠᠯ ᠠᠵᠦ ᠠᠬᠤᠢ ᠲᠦᠷᠭᠡᠨ ᠬᠦᠭᠵᠢᠵᠦ᠂ ᠠᠵᠦ ᠤᠶᠢᠯᠡᠰ ᠤᠨ ᠪᠥᠲᠦᠴᠡ ᠶᠢᠨ ᠲᠤᠬᠢᠷᠠᠭᠤᠯᠤᠯᠳᠠ ᠶᠢᠨ ᠦᠷ᠎ᠡ ᠪᠥᠲᠦᠮᠵᠢ ᠢᠯᠡ ᠳᠤᠳᠤ ᠪᠤᠯᠪᠠ᠃ ᠮᠠᠯᠵᠢᠯ ᠤᠨ ᠤᠨ ᠤ ᠮᠠᠯ ᠤᠨ ᠲᠤᠭ᠎ᠠ ᠲᠤᠯᠤᠭᠠᠢ 2010 ᠤᠨ ᠤ 141 ᠲᠦᠮᠡ ᠠᠴᠠ ᠨᠡᠮᠡᠭᠳᠡᠭᠡᠳ 187 ᠲᠦᠮᠡ ᠪᠤᠯᠵᠦ᠂ ᠵᠢᠯ ᠲᠤᠮᠳᠠᠴᠢ ᠪᠠᠷ 5.9% ᠪᠠᠷ ᠨᠡᠮᠡᠭᠳᠡᠪᠡ᠃ ᠲᠠᠪᠤᠨ ᠵᠢᠯ  ᠤᠨ ᠲᠤᠷᠰᠢ ᠨᠡᠶᠢᠳᠡ 50 ᠲᠦᠮᠡᠨ ᠡᠪᠤᠯ ᠤᠨ ᠬᠤᠷᠠᠭ᠎ᠠ ᠶᠢ ᠪᠤᠷᠳᠤᠨ ᠲᠠᠷᠭᠤᠯᠠᠭᠤᠯᠵᠦ ᠤᠷᠢᠳᠴᠢᠯᠠᠨ ᠭᠠᠷᠭᠠᠯᠳᠠ ᠬᠢᠵᠦ᠂ ᠤᠯᠠᠭᠠᠨ ᠢᠳᠡᠭᠡᠨ ᠢ ᠨᠠᠷᠢᠯᠢᠭ ᠪᠤᠯᠪᠠᠰᠤᠷᠠᠭᠤᠯᠬᠤ ᠬᠠᠷᠢᠴᠠᠯ 60% ᠠᠴᠠ ᠨᠡᠮᠡᠭᠳᠡᠭᠡᠳ 75 % ᠪᠤᠯᠪᠠ᠃ ᠥᠪᠡᠷᠳᠡᠭᠡᠨ ᠵᠠᠰᠠᠬᠤ ᠤᠷᠤᠨ ᠤ ᠲᠡᠰ ᠤᠨ ᠲᠠᠷᠢᠶᠠᠯᠠᠩ ᠮᠠᠯ ᠠᠵᠦ ᠠᠬᠤᠢ ᠶᠢᠨ ᠠᠵᠦ ᠤᠶᠢᠯᠡᠰᠵᠢᠭᠰᠡᠨ ᠭᠤᠤᠯᠳᠠᠯᠭᠠᠲᠦ ᠠᠵᠦ ᠠᠬᠤᠶᠢᠯᠠᠯ 5 ᠪᠠᠶᠢᠵᠦ᠂ ᠠᠶᠢᠮᠠᠭ ᠤᠨ ᠲᠡᠰ ᠤᠨ ᠲᠤᠯᠤᠭᠠᠶᠢᠯᠠᠭᠴᠢ ᠠᠵᠦ ᠠᠬᠤᠶᠢᠯᠠᠯ 4 ᠪᠤᠯᠪᠠ᠃ ᠠᠵᠦ ᠤᠶᠢᠯᠡᠳᠪᠦᠷᠢ ᠶᠢᠨ ᠠᠵᠦ ᠠᠬᠤᠢ ᠤᠯᠠᠨ ᠴᠡᠭ ᠲᠤ ᠲᠤᠯᠭᠠᠭᠤᠷᠢᠯᠠᠨ᠂ ᠤᠯᠠᠨ ᠡᠰᠢᠵᠢᠭᠰᠡᠨ ᠬᠦᠭᠵᠢᠯᠳᠡ ᠶᠢᠨ ᠪᠠᠶᠢᠳᠠᠯ ᠲᠠᠢ ᠪᠤᠯᠪᠠ᠃ ᠲᠡᠮᠦᠷᠯᠢᠭ ᠰᠤᠩᠭᠤᠬᠤ᠂ ᠡᠨᠧᠷᠬᠢ ᠬᠢᠮᠢ ᠶᠢᠨ ᠠᠵᠦ ᠤᠶᠢᠯᠡᠳᠪᠦᠷᠢ᠂ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ ᠵᠡᠷᠭᠡ ᠤᠨᠴᠠᠯᠢᠭᠲᠦ ᠠᠵᠦ ᠤᠶᠢᠯᠡᠰ ᠨᠢ ᠲᠦᠷᠭᠡᠨ ᠬᠦᠭᠵᠢᠵᠦ᠂ ᠰᠢᠨ ᠮᠧᠩ ᠰᠢᠨ ᠮᠠᠲ᠋ᠧᠷᠢᠶᠠᠯ ᠤᠨ ᠴᠠᠬᠢᠭᠤᠷ ᠮᠠᠩᠭᠠᠨ ᠤ ᠬᠠᠶᠢᠯᠤᠰᠢ᠂ ᠵᠦᠩ ᠭᠤᠸᠠᠩ ᠾᠧ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠢᠨᠵᠧᠨᠧᠷᠢᠩ᠂ ᠥᠪᠤᠷ ᠮᠤᠩᠭᠤᠯ ᠤᠨ ᠼᠣᠣ ᠶᠤᠸᠠᠨ ᠮᠤ᠋ ᠳ᠋ᠦ᠋ ᠵᠡᠷᠭᠡ ᠨᠢᠭᠡ ᠪᠥᠯᠦᠭ ᠴᠢᠬᠤᠯᠠ ᠶᠡᠭᠡ ᠲᠦᠷᠦᠯ ᠵᠤᠶᠢᠯ ᠨᠢ ᠠᠰᠢᠭᠯᠠᠯᠳᠠ ᠳᠤ ᠤᠷᠤᠵᠦ᠂ ᠬᠡᠪᠴᠢᠶᠠᠵᠢᠯ ᠠᠴᠠ ᠲᠡᠭᠡᠭᠰᠢᠬᠢ ᠠᠵᠦ ᠤᠶᠢᠯᠡᠳᠪᠦᠷᠢ ᠶᠢᠨ ᠠᠵᠦ ᠠᠬᠤᠶᠢᠯᠠᠯ 35 ᠡᠷᠦᠬᠡ ᠪᠠᠶᠢᠭᠰᠠᠨ ᠠᠴᠠ 47 ᠡᠷᠦᠬᠡ ᠪᠤᠯᠵᠦ ᠨᠡᠮᠡᠭᠳᠡᠪᠡ᠃ ᠰᠠᠶᠢᠬᠠᠨᠳᠠᠯ᠎ᠠ ᠨᠤᠤᠰᠤ ᠨᠤᠯᠤᠤᠷ ᠤᠨ ᠨᠡᠬᠡᠮᠡᠯ ᠤᠨ ᠤᠶᠢᠯᠡᠰ ᠤᠨ ᠡᠷᠬᠢᠯᠳᠡᠲᠦ ᠠᠵᠦ ᠠᠬᠤᠢ ᠶᠢᠨ ᠲᠤᠭᠤᠷᠢᠭ ᠨᠢ ︽ᠤᠯᠤᠰ ᠤᠨ ᠨᠡᠬᠡᠮᠡᠯ ᠤᠨ ᠠᠵᠦ ᠤᠶᠢᠯᠡᠰ ᠢ ᠰᠢᠯᠵᠢᠬᠦᠯᠦᠨ ᠠᠪᠤᠭᠰᠠᠨ ᠲᠤᠷᠰᠢᠯᠳᠠ ᠶᠢᠨ ᠴᠡᠭ ᠤᠨ ᠰᠠᠭᠤᠷᠢᠨ︾ ᠪᠠ ︽ᠪᠦᠬᠦ ᠤᠷᠤᠨ ᠤ ᠨᠤᠤᠰᠤ ᠨᠤᠯᠤᠤᠷ ᠤᠨ ᠨᠡᠬᠡᠮᠡᠯ ᠬᠤᠪᠴᠠᠰᠦᠨ ᠤ ᠠᠵᠦ ᠤᠶᠢᠯᠡᠰ ᠤᠨ ᠵᠢᠱᠢᠶ᠎ᠡ ᠦᠵᠡᠬᠦᠯᠬᠦ ᠰᠠᠭᠤᠷᠢᠨ︾ ᠵᠡᠷᠭᠡ ᠨᠡᠷᠡᠶᠢᠳᠦᠯ ᠢ ᠤᠯᠪᠠ᠃ ᠭᠤᠷᠪᠠᠳᠤᠭᠠᠷ ᠠᠵᠦ ᠤᠶᠢᠯᠡᠰ ᠤᠨ ᠬᠡᠪᠴᠢᠶᠠᠵᠢᠯ ᠪᠤᠯᠤᠨ ᠶᠡᠷᠦᠩᠬᠡᠢ ᠬᠡᠮᠵᠢᠶ᠎ᠠ ᠲᠠᠰᠤᠷᠠᠯᠳᠠ ᠦᠭᠡᠢ ᠨᠡᠮᠡᠭᠳᠡᠵᠦ᠂ ᠪᠤᠳᠠᠰ ᠤᠨ ᠭᠦᠢᠯᠭᠡᠭᠡ᠂ ᠵᠢᠭᠤᠯᠴᠢᠯᠠᠯ᠂ ᠮᠥᠩᠬᠦᠨ ᠭᠦᠢᠯᠭᠡᠭᠡ ᠵᠡᠷᠭᠡ ᠰᠢᠨ᠎ᠡ ᠬᠡᠯᠪᠡᠷᠢ ᠶᠢᠨ ᠤᠶᠢᠯᠡᠴᠢᠯᠡᠭᠡᠨ ᠤ ᠤᠶᠢᠯᠡᠰ ᠤᠨ ᠬᠦᠭᠵᠢᠯᠳᠡ ᠲᠦᠷᠭᠡᠰᠪᠡ᠃ ︽ᠲᠦᠷᠪᠡᠨ ᠶᠡᠭᠡ ᠪᠠᠶᠠᠷ ᠲᠤᠷᠠᠰᠬᠠᠯ︾ ᠤᠨ ᠰᠤᠶᠤᠯ ᠵᠢᠭᠤᠯᠴᠢᠯᠠᠯ ᠤᠨ ᠨᠡᠷᠡᠲᠦ ᠲᠡᠮᠳᠡᠭ ᠤᠨ ᠠᠵᠢᠯᠯᠠᠭ᠎ᠠ ᠶᠢ ᠬᠦᠨᠵᠡᠭᠡᠢ ᠥᠷᠨᠢᠬᠦᠯᠵᠦ᠂ ᠰᠦᠨᠢᠳ ᠸᠠᠩ ᠤᠨ ᠤᠷᠳᠤᠨ ᠤ ᠮᠦᠽᠸᠢ᠂ ᠰᠠᠶᠢᠬᠠᠨᠳᠠᠯ᠎ᠠ ᠦᠨᠳᠦᠷᠯᠢᠭ ᠤᠨ ᠷᠠᠰᠢᠶᠠᠨ ᠵᠡᠷᠭᠡ ᠭᠤᠤᠯᠳᠠᠯᠭᠠᠲᠦ ᠲᠦᠷᠦᠯ ᠵᠤᠶᠢᠯ ᠳᠤ ᠪᠡᠯᠡ ᠤᠷᠤᠭᠤᠯᠤᠨ ᠠᠰᠢᠭᠯᠠᠯᠳᠠ ᠳᠤ ᠤᠷᠤᠭᠤᠯᠪᠠ᠃ ᠨᠡᠶᠢᠳᠡ ᠶᠢᠨ ᠥᠮᠴᠢᠯᠠᠯ ᠤᠨ ᠪᠤᠰᠤ ᠠᠵᠦ ᠠᠬᠤᠢ ᠡᠷᠡᠬᠦᠯ ᠢᠶᠠᠷ ᠬᠦᠭᠵᠢᠵᠦ᠂ ᠤᠷᠤᠨ ᠨᠤᠳᠤᠭ ᠤᠨ ᠤᠶᠢᠯᠡᠳᠪᠦᠷᠢᠯᠡᠯ ᠤᠨ ᠶᠡᠷᠦᠩᠬᠡᠢ ᠥᠷᠳᠡᠭ ᠲᠠᠬᠢ ᠬᠠᠷᠢᠴᠠᠯ 66.1% ᠳᠤ ᠬᠦᠷᠴᠦ᠂ 2010 ᠤᠨ ᠠᠴᠠ 5 ᠵᠠᠭᠤᠨ ᠤ ᠨᠢᠭᠡᠴᠢ ᠪᠠᠷ ᠨᠡᠮᠡᠭᠳᠡᠪᠡ᠃     ︵ᠭᠤᠷᠪᠠ︶ ᠬᠤᠳᠠ ᠬᠦᠳᠡᠭᠡ ᠶᠢᠨ ᠲᠦᠷᠢ ᠲᠦᠷᠬᠦ ᠢᠯᠡᠳᠳᠡ ᠰᠠᠶᠢᠵᠢᠷᠠᠪᠠ᠃ ᠨᠡᠶᠢᠳᠡ 4.55 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠦ ᠬᠦᠳᠡᠭᠡ ᠲᠤᠰᠬᠤᠨ ᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠬᠡᠷᠡᠭᠵᠢᠬᠦᠯᠦᠨ᠂ ᠪᠦᠬᠦ ᠬᠤᠰᠢᠭᠤᠨ ᠤ 52 ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠢ ᠬᠠᠮᠤᠷᠴᠦ᠂ ᠭᠤᠷᠪᠠᠨ ᠵᠢᠯ ᠤᠨ ᠶᠡᠷᠦᠩᠬᠡᠢ ᠡᠭᠦᠷᠭᠡ ᠶᠢᠨ 86% ᠶᠢ ᠪᠡᠶᠡᠯᠡᠬᠦᠯᠵᠦ᠂ ᠬᠦᠳᠡᠭᠡ ᠲᠤᠰᠬᠤᠨ ᠤ ᠦᠨᠳᠦᠰᠦᠨ ᠨᠡᠶᠢᠳᠡ ᠶᠢᠨ ᠤᠶᠢᠯᠡᠴᠢᠯᠡᠭᠡ ᠶᠢᠨ ᠲᠥᠪᠰᠢᠨ ᠶᠡᠬᠡᠳᠡ ᠲᠡᠭᠡᠭᠰᠢᠯᠡᠵᠦ᠂ ᠬᠤᠳᠠ ᠬᠦᠳᠡᠭᠡ ᠶᠢ ᠨᠢᠭᠡ ᠴᠤᠭᠴᠠᠭᠤᠯᠤᠨ᠂ ᠤᠷᠤᠨ ᠨᠤᠳᠤᠭ ᠤᠨ ᠠᠵᠦ ᠠᠬᠤᠢ ᠶᠢᠨ ᠬᠦᠭᠵᠢᠯᠳᠡ ᠪᠤᠯᠤᠨ ᠮᠠᠯᠴᠢᠨ ᠲᠠᠷᠢᠶᠠᠴᠢᠨ ᠤ ᠤᠷᠤᠯᠭ᠎ᠠ ᠶᠢ ᠠᠬᠢᠭᠤᠯᠪᠠ᠃ ᠰᠠᠶᠢᠬᠠᠨᠳᠠᠯ᠎ᠠ ᠪᠠᠯᠭᠠᠰᠦᠨ ᠤ ︽ᠨᠢᠭᠡ ᠬᠤᠳᠠ ᠭᠤᠷᠪᠠᠨ ᠲᠤᠭᠤᠷᠢᠭ︾ ᠤᠨ ᠲᠤᠶᠢᠮᠤ ᠦᠨᠳᠦᠰᠦᠨ ᠳᠡᠭᠡᠨ ᠪᠥᠷᠢᠯᠳᠦᠵᠦ᠂ ᠬᠤᠳᠠ ᠪᠠᠯᠭᠠᠰᠦᠨ ᠤ ᠲᠦᠷᠢ ᠲᠦᠷᠬᠦ᠂ ᠤᠶᠢᠯᠡᠳᠦᠯ ᠪᠤᠯᠤᠨ ᠤᠷᠤᠰᠢᠨ ᠰᠠᠭᠤᠬᠤ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠪᠠ᠃ ᠰᠠᠶᠢᠬᠠᠨᠳᠠᠯ᠎ᠠ ᠪᠠᠯᠭᠠᠰᠦᠨ ᠤ ᠤᠰᠤ ᠭᠠᠳᠠᠭᠰᠢᠯᠠᠭᠤᠯᠬᠤ ᠬᠤᠭᠤᠯᠠᠢ ᠪᠠ ᠲᠤᠯᠠᠭᠠᠯᠭ᠎ᠠ ᠬᠠᠩᠭᠠᠬᠤ ᠬᠤᠭᠤᠯᠠᠢ ᠲᠤᠰᠪᠤᠷᠢ 162 ᠺᠢᠯᠤᠮᠧᠲᠷ ᠪᠠ 54.5 ᠺᠢᠯᠤᠮᠧᠲᠷ ᠪᠠᠶᠢᠵᠦ᠂ ᠲᠤᠰᠪᠤᠷᠢ 2010 ᠤᠨ ᠤ 1.4 ᠲᠠᠬᠢᠨ ᠪᠠ 1.3 ᠲᠠᠬᠢᠨ ᠪᠤᠯᠪᠠ᠃ ᠪᠦᠬᠦ ᠬᠤᠰᠢᠭᠤᠨ  ᠤ ᠬᠤᠳᠠ ᠪᠠᠯᠭᠠᠰᠤᠵᠢᠯᠳᠠ ᠶᠢᠨ ᠨᠤᠷᠮ᠎ᠠ 66.6% ᠳᠤ ᠬᠦᠷᠴᠦ᠂ ᠬᠤᠳᠠ ᠪᠠᠯᠭᠠᠰᠦᠨ ᠤ ᠬᠦᠮᠥᠨ ᠲᠤᠮᠳᠠᠴᠢ  ᠶᠢᠨ ᠤᠷᠤᠨ ᠰᠠᠭᠤᠴᠠ ᠶᠢᠨ ᠲᠠᠯᠠᠪᠠᠢ 38.5 ᠲᠡᠭᠰᠢ ᠲᠦᠷᠪᠡᠯᠵᠢᠨ ᠮᠧᠲᠷ ᠲᠤ ᠬᠦᠷᠪᠡ᠃     ︵ᠲᠦᠷᠪᠡ︶ ᠠᠮᠢ ᠠᠬᠤᠢ ᠶᠢᠨ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠪᠠ᠃ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ ᠳᠠᠷᠤᠢ ᠲᠦᠷᠭᠡᠨ ᠪᠠᠶᠢᠭᠤᠯᠵᠦ᠂ ᠠᠮᠢ ᠠᠬᠤᠢ  ᠶᠢᠨ ᠤᠷᠴᠢᠨ ᠲᠤᠭᠤᠷᠢᠨ ᠤ ᠮᠠᠭᠤᠳᠠᠯ ᠢ ᠶᠡᠷᠦᠩᠬᠡᠢ ᠳᠤᠨᠢ ᠬᠤᠷᠢᠭᠯᠠᠵᠦ᠂ ᠭᠡᠰᠡᠭ ᠭᠠᠵᠠᠷ ᠤᠷᠤᠨ ᠤ ᠠᠮᠢ ᠠᠬᠤᠢ  ᠶᠢᠨ ᠤᠷᠴᠢᠨ ᠲᠤᠭᠤᠷᠢᠨ ᠢᠯᠡᠳᠳᠡ ᠰᠠᠶᠢᠵᠢᠷᠠᠪᠠ᠃ 2.6 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠪᠤᠯᠤᠨ ᠬᠤᠳᠠ ᠪᠠᠯᠭᠠᠰᠦᠨ ᠤ ᠤᠷᠴᠢᠨ ᠬᠤᠪᠢ ᠶᠢ ᠨᠤᠭᠤᠭᠠᠷᠠᠭᠤᠯᠬᠤ ᠢᠨᠵᠧᠨᠧᠷᠢᠩ ᠢ ᠬᠡᠷᠡᠭᠵᠢᠬᠦᠯᠪᠡ᠃ ᠤᠯᠤᠰ ᠤᠨ ᠭᠤᠤᠯ ᠤᠶᠢᠯᠡᠳᠦᠯᠲᠦ ᠤᠷᠤᠨ ᠤ ᠲᠥᠯᠦᠪᠵᠢᠬᠦᠯᠭᠡ ᠶᠢ ᠴᠢᠩᠭ᠎ᠠ ᠨᠠᠶᠢᠳᠠᠪᠤᠷᠢᠵᠢᠭᠤᠯᠤᠨ᠂ 66 ᠲᠦᠮᠡᠨ ᠮᠤ᠋ ᠠᠮᠢ ᠠᠬᠤᠢ ᠶᠢᠨ ᠪᠥᠲᠦᠭᠡᠨ ᠪᠠᠶᠢᠭᠤᠯᠤᠯᠳᠠ ᠶᠢ ᠪᠡᠶᠡᠯᠡᠬᠦᠯᠵᠦ᠂ ᠵᠢᠵᠢᠭ ᠤᠷᠤᠰᠬᠠᠯ ᠤᠨ ᠤᠷᠤᠨ ᠢ ᠵᠠᠰᠠᠭᠰᠠᠨ ᠲᠠᠯᠠᠪᠠᠢ 708 ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ ᠤᠢ ᠰᠢᠭᠤᠢ ᠶᠢᠨ ᠪᠦᠷᠬᠦᠴᠡ 8% ᠳᠤ ᠬᠦᠷᠴᠦ᠂ ᠲᠠᠯ᠎ᠠ ᠨᠤᠳᠤᠭ ᠤᠨ ᠤᠷᠭᠤᠮᠠᠯ ᠤᠨ ᠪᠦᠷᠬᠦᠴᠡ 18% ᠳᠤ ᠬᠦᠷᠪᠡ᠃ ᠤᠯᠤᠰ ᠤᠨ ᠲᠠᠯ᠎ᠠ ᠨᠤᠳᠤᠭ ᠤᠨ ᠠᠮᠢ ᠠᠬᠤᠢ ᠶᠢᠨ ᠨᠥᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ 6.06 ᠳ᠋ᠦᠩᠰᠢᠭᠤᠷ ᠲᠥᠭᠦᠷᠢᠭ ᠤᠨ ᠨᠥᠬᠦᠪᠦᠷᠢ ᠪᠠ ᠱᠠᠩᠨᠠᠯ ᠤᠨ ᠮᠥᠩᠬᠦ ᠲᠠᠷᠬᠠᠭᠠᠵᠦ᠂ 6500 ᠡᠷᠦᠬᠡ ᠶᠢᠨ 2.12 ᠲᠦᠮᠡᠨ ᠮᠠᠯᠴᠢᠳ ᠲᠤ ᠬᠠᠷᠠᠭᠠᠯᠵᠠᠯ ᠬᠦᠷᠳᠡᠭᠡᠪᠡ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠦᠴᠦᠨ ᠢᠯᠡᠳᠳᠡ ᠴᠢᠩᠭᠠᠷᠠᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠡᠨᠧᠷᠬᠢ ᠠᠷᠪᠢᠯᠠᠨ ᠪᠤᠬᠢᠷᠳᠤᠯ ᠪᠠᠭᠠᠰᠬᠠᠬᠤ ᠬᠠᠷᠠᠯᠳᠠᠲᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠪᠡ᠃     ︵ᠲᠠᠪᠤ︶ ᠬᠦᠭᠵᠢᠯᠳᠡ ᠶᠢᠨ ᠪᠠᠳᠤᠯᠠᠭ᠎ᠠ ᠶᠢᠨ ᠴᠢᠳᠠᠪᠬᠢ ᠲᠠᠰᠤᠷᠠᠯᠳᠠ ᠦᠭᠡᠢ ᠲᠡᠭᠡᠭᠰᠢᠯᠡᠪᠡ᠃ ᠪᠦᠬᠦ ᠬᠤᠰᠢᠭᠤᠨ ᠤ ᠴᠠᠷᠳᠠᠮᠠᠯ ᠵᠠᠮ ᠪᠠ ᠬᠠᠶᠢᠷ ᠴᠢᠯᠠᠭᠤᠨ ᠵᠠᠮ ᠤᠨ ᠶᠡᠷᠦᠩᠬᠡᠢ ᠤᠷᠲᠦ 1410 ᠺᠢᠯᠤᠮᠧᠲᠷ ᠲᠤ ᠬᠦᠷᠴᠦ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ ᠨᠡᠪᠳᠡᠷᠡᠭᠰᠡᠨ ᠨᠤᠷᠮ᠎ᠠ 75% ᠠᠴᠠ ᠲᠡᠭᠡᠭᠰᠢ ᠳᠤ ᠬᠦᠷᠴᠦ᠂ ᠰᠠᠶᠢᠬᠠᠨᠳᠠᠯ᠎ᠠ ᠠᠴᠠ ᠪᠠᠶᠠᠨᠴᠠᠭᠠᠨ ᠬᠦᠷᠬᠦ ᠲᠦᠷᠭᠡᠨ ᠵᠠᠮ ᠲᠡᠷᠭᠡ ᠨᠡᠪᠳᠡᠷᠡᠪᠠ᠃ ᠴᠠᠬᠢᠯᠭᠠᠨ ᠲᠤᠤᠷ ᠤᠨ ᠪᠠᠶᠢᠭᠤᠯᠤᠯᠳᠠ ᠶᠢ ᠴᠢᠩᠭᠠᠳᠬᠠᠨ᠂ 220 ᠺᠢᠯᠤᠸᠠᠲ ᠤᠨ ᠭᠤᠤᠯ ᠴᠠᠬᠢᠯᠭᠠᠨ ᠱᠤᠭᠤᠮ ᠪᠠ 110 ᠺᠢᠯᠤᠸᠠᠲ ᠪᠤᠯᠤᠨ 35 ᠺᠢᠯᠤᠸᠠᠲ ᠤᠨ ᠰᠠᠯᠪᠤᠷᠢ ᠴᠠᠬᠢᠯᠭᠠᠨ ᠱᠤᠭᠤᠮ ᠤᠨ ᠴᠠᠬᠢᠯᠭᠠᠨ ᠬᠠᠩᠭᠠᠬᠤ ᠰᠦᠯᠵᠢᠶ᠎ᠡ ᠠᠩᠬ᠎ᠠ ᠠᠯᠬᠤᠮ ᠪᠥᠷᠢᠯᠳᠦᠵᠦ᠂ ᠬᠦᠳᠡᠭᠡ ᠲᠤᠰᠬᠤᠨ ᠤ ᠴᠠᠬᠢᠯᠭᠠᠨ ᠲᠤᠤᠷ ᠢ ᠦᠭᠡᠷᠡᠴᠢᠯᠡᠨ ᠲᠡᠰ ᠲᠡᠪᠰᠢᠬᠦᠯᠬᠦ ᠪᠤᠯᠤᠨ ᠰᠢᠨ᠎ᠡ ᠡᠨᠧᠷᠬᠢ ᠪᠠᠷ ᠴᠠᠬᠢᠯᠭᠠᠨ ᠬᠠᠩᠭᠠᠬᠤ ᠪᠠᠷ ᠲᠠᠮᠵᠢᠵᠦ᠂ ︽ᠭᠠᠴᠠᠭ᠎ᠠ ᠪᠤᠯᠭᠠᠨ ᠳᠤ ᠴᠠᠬᠢᠯᠭᠠᠨ ᠨᠡᠪᠳᠡᠷᠡᠬᠦ︾᠂ ︽ᠡᠷᠦᠬᠡ ᠪᠤᠯᠭᠠᠨ ᠳᠤ ᠴᠠᠬᠢᠯᠭᠠᠨ ᠨᠡᠪᠳᠡᠷᠡᠬᠦ︾ ᠬᠠᠷᠠᠯᠳᠠ ᠶᠢ ᠦᠨᠳᠦᠰᠦᠨ ᠳᠡᠭᠡᠨ ᠪᠡᠶᠡᠯᠡᠬᠦᠯᠪᠡ᠃ ᠰᠢᠨ᠎ᠡ ᠪᠠᠷ ᠪᠠᠶᠢᠭᠤᠯᠤᠭᠰᠠᠨ ᠲᠦᠭᠡᠭᠡᠯ ᠤᠰᠤᠨ ᠤ ᠢᠨᠵᠧᠨᠧᠷᠢᠩ 24 ᠪᠠᠶᠢᠵᠦ᠂ 731 ᠡᠯ᠎ᠡ ᠲᠦᠷᠦᠯ ᠤᠨ ᠮᠠᠰᠢᠨ ᠬᠤᠳᠳᠤᠭ ᠮᠠᠯᠳᠠᠵᠦ᠂ 1.2 ᠲᠦᠮᠡᠨ ᠬᠦᠮᠥᠨ ᠪᠠ 25 ᠲᠦᠮᠡᠨ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠪᠡ᠃     ︵ᠵᠢᠷᠭᠤᠭ᠎ᠠ︶ ᠨᠡᠶᠢᠭᠡᠮ ᠤᠨ ᠠᠵᠢᠯ ᠤᠶᠢᠯᠡᠰ ᠢ ᠯᠠᠪᠳᠠᠭᠤᠨ ᠢᠶᠠᠷ ᠠᠬᠢᠭᠤᠯᠪᠠ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠵᠢᠯ ᠪᠤᠯᠭᠠᠨ ᠤ ᠡᠳ᠋ ᠤᠨ ᠵᠠᠰᠠᠭ ᠤᠨ ᠨᠡᠶᠢᠭᠡᠮ ᠤᠨ ᠠᠵᠢᠯ ᠤᠶᠢᠯᠡᠰ ᠪᠠ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠳᠠ ᠨᠢ ᠡᠳ᠋ ᠤᠨ ᠵᠠᠰᠠᠭ ᠤᠨ ᠵᠠᠷᠤᠯᠭ᠎ᠠ ᠶᠢᠨ 65% ᠠᠴᠠ ᠲᠡᠭᠡᠭᠰᠢ ᠪᠠᠶᠢᠵᠦ᠂ ᠰᠤᠷᠭᠠᠨ ᠬᠦᠮᠥᠵᠢᠯ ᠤᠨ ᠪᠡᠯᠡ ᠤᠷᠤᠭᠤᠯᠤᠯᠳᠠ ᠵᠢᠯ ᠲᠤᠮᠳᠠᠴᠢ ᠪᠠᠷ 17.1 % ᠪᠠᠷ ᠨᠡᠮᠡᠭᠳᠡᠵᠦ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠥᠵᠢᠯ ᠢ ᠵᠤᠬᠢᠴᠠᠩᠭᠤᠢ ᠪᠠᠷ ᠬᠦᠭᠵᠢᠬᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢᠯᠡᠳᠳᠡ ᠰᠠᠶᠢᠵᠢᠷᠠᠪᠠ᠃ ᠰᠤᠷᠬᠤ ᠨᠠᠰᠦᠨ ᠠᠴᠠ ᠡᠮᠤᠨᠡᠬᠢ ᠰᠤᠷᠭᠠᠨ ᠬᠦᠮᠥᠵᠢᠯ  ᠠᠴᠠ ᠲᠡᠭᠡᠲᠦ ᠲᠤᠮᠳᠠᠲᠦ ᠶᠢᠨ ᠰᠤᠷᠭᠠᠨ ᠬᠦᠮᠥᠵᠢᠯ ᠬᠦᠷᠳᠡᠯ᠎ᠡ ᠰᠤᠷᠤᠯᠭ᠎ᠠ ᠲᠡᠳᠬᠦᠬᠦ ᠰᠢᠰᠲ᠋ᠧᠮ ᠢ ᠪᠠᠶᠢᠭᠤᠯᠵᠦ᠂ ᠪᠦᠬᠦ ᠠᠶᠢᠮᠠᠭ ᠲᠤ ᠬᠠᠮᠤᠭ ᠠᠩᠬ᠎ᠠ ᠲᠡᠭᠡᠲᠦ ᠲᠤᠮᠳᠠᠲᠦ ᠶᠢᠨ ᠰᠤᠷᠤᠭᠴᠢᠳ ᠠᠴᠠ ᠰᠦᠢᠳᠬᠡᠯ ᠬᠤᠷᠢᠶᠠᠬᠤ ᠦᠭᠡᠢ ᠲᠦᠷᠢᠮ ᠢ ᠬᠡᠷᠡᠭᠵᠢᠬᠦᠯᠪᠡ᠃ ᠵᠢᠩᠬᠢᠨᠢ ᠠᠩᠬᠢ ᠳᠤ ᠤᠷᠤᠭᠰᠠᠨ ᠨᠤᠷᠮ᠎ᠠ 47.5% ᠳᠤ ᠬᠦᠷᠴᠦ᠂ 2010 ᠤᠨ  ᠠᠴᠠ 6 ᠵᠠᠭᠤᠨ ᠤ ᠨᠢᠭᠡᠴᠢ ᠪᠠᠷ ᠨᠡᠮᠡᠭᠳᠡᠪᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠳᠡ ᠶᠢ ᠯᠠᠪᠳᠠᠭᠤᠨ ᠪᠠᠳᠤᠲᠠᠢ ᠲᠦᠯᠬᠢᠨ ᠠᠬᠢᠭᠤᠯᠵᠦ᠂ ᠬᠤᠰᠢᠭᠤ  ᠡᠮᠨᠡᠯᠭᠡ ᠶᠢᠨ ᠬᠤᠷᠢᠶ᠎ᠠ᠂ 6 ᠰᠤᠮᠤ ᠪᠠᠯᠭᠠᠰᠦᠨ ᠤ ᠡᠷᠡᠬᠦᠯ ᠬᠠᠮᠠᠭᠠᠯᠠᠯ ᠤᠨ ᠥᠷᠳᠡᠭᠡ᠂ 63 ᠭᠠᠴᠠᠭ᠎ᠠ ᠲᠤᠰᠬᠤᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠤᠨ ᠪᠠᠶᠢᠭᠤᠯᠤᠯᠳᠠ ᠶᠢ ᠪᠡᠶᠡᠯᠡᠬᠦᠯᠵᠦ᠂ ᠨᠡᠶᠢᠳᠡ ᠶᠢᠨ ᠡᠷᠡᠬᠦᠯ ᠬᠠᠮᠠᠭᠠᠯᠠᠯ ᠤᠨ ᠤᠶᠢᠯᠡᠴᠢᠯᠡᠭᠡ ᠪᠤᠯᠤᠨ ᠡᠮᠴᠢᠯᠡᠭᠡᠨ ᠤ ᠬᠢᠷᠢ ᠲᠥᠪᠰᠢᠨ ᠢᠯᠡᠳᠳᠡ ᠲᠡᠭᠡᠭᠰᠢᠯᠡᠪᠡ᠃ ᠶᠠᠳᠠᠭᠤ ᠶᠢ ᠲᠡᠳᠬᠦᠬᠦ᠂ ᠤᠷᠤᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠶᠡᠬᠡᠪᠡᠷ ᠬᠡᠷᠡᠭᠵᠢᠬᠦᠯᠵᠦ᠂ ᠲᠠᠪᠤᠨ ᠵᠢᠯ ᠳᠤ ᠨᠡᠶᠢᠳᠡ 7363 ᠬᠦᠮᠥᠨ ᠠᠮᠠ ᠶᠢ ᠶᠠᠳᠠᠭᠤ ᠠᠴᠠ ᠨᠢ ᠠᠩᠬᠢᠵᠢᠷᠠᠭᠤᠯᠵᠦ᠂ 2752 ᠬᠤᠳᠠ ᠪᠠᠯᠭᠠᠰᠦᠨ ᠤ ᠪᠠᠳᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢ ᠰᠢᠨ᠎ᠡ ᠪᠠᠷ ᠪᠠᠶᠢᠭᠤᠯᠵᠦ᠂ 3823 ᠬᠦᠳᠡᠭᠡ ᠲᠤᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠢᠨᠡᠳᠬᠡᠵᠦ᠂ ᠬᠤᠳᠠ ᠪᠠᠯᠭᠠᠰᠦᠨ ᠤ 8186 ᠬᠦᠮᠥᠨ ᠳᠤ ᠠᠵᠢᠯ ᠤᠯᠭᠤᠪᠠ᠃ ᠰᠤᠶᠤᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠯᠠᠪᠳᠠᠭᠤᠨ ᠪᠠᠳᠤᠲᠠᠢ ᠠᠬᠢᠭᠤᠯᠵᠦ᠂ ᠪᠦᠬᠦ ᠬᠤᠰᠢᠭᠤᠨ ᠤ ᠰᠤᠮᠤ ᠪᠠᠯᠭᠠᠰᠦ᠂ ᠭᠠᠴᠠᠭ᠎ᠠ ᠲᠤᠰᠬᠤᠨ ᠨᠢ ᠴᠦᠮ ᠰᠤᠮᠤ ᠪᠠᠯᠭᠠᠰᠦᠨ ᠤ ᠰᠤᠶᠤᠯ ᠤᠨ ᠥᠷᠳᠡᠭᠡ ᠪᠠ ᠭᠠᠴᠠᠭ᠎ᠠ ᠲᠤᠰᠬᠤᠨ ᠤ ᠰᠤᠶᠤᠯ ᠤᠨ ᠥᠷᠦᠬᠡ ᠲᠠᠢ ᠪᠤᠯᠪᠠ᠃ ᠥᠪᠡᠷᠳᠡᠭᠡᠨ ᠤᠶᠢᠯᠡᠳᠦᠭᠰᠡᠨ ᠷᠠᠳᠢᠤ᠋ ᠲᠧᠯᠸᠢᠰ ᠨᠡᠪᠳᠡᠷᠡᠬᠦᠯᠭᠡ ᠶᠢᠨ ᠪᠦᠷᠬᠦᠴᠡ ᠬᠦᠳᠡᠭᠡ ᠲᠤᠰᠬᠤᠨ ᠳᠤ 98% ᠳᠤ ᠬᠦᠷᠴᠦ᠂ ᠴᠢᠮᠡᠭᠡ ᠬᠤᠯᠪᠤᠭᠠᠨ ᠤ ᠲᠤᠬᠢᠶ᠎ᠠ  ᠶᠢᠨ ᠪᠦᠷᠬᠦᠴᠡ 81% ᠳᠤ ᠬᠦᠷᠪᠡ᠃ ᠢᠳᠡᠭᠡᠨ ᠡᠮ ᠤᠨ ᠵᠤᠶᠢᠯᠡᠰ ᠤᠨ ᠵᠠᠬ᠎ᠠ ᠲᠡᠯᠭᠡᠭᠦᠷ ᠲᠠᠬᠢ ᠬᠢᠨᠠᠨ ᠬᠠᠮᠢᠶᠠᠷᠤᠯᠳᠠ ᠪᠠ ᠠᠵᠢᠯ ᠲᠦᠷᠦᠯ ᠤᠨ ᠥᠪᠡᠷ ᠤᠨ ᠬᠠᠮᠢᠶᠠᠷᠤᠯᠳᠠ ᠶᠢ ᠬᠦᠨᠵᠡᠭᠡᠢ ᠲᠦᠯᠬᠢᠨ ᠠᠬᠢᠭᠤᠯᠤᠭᠰᠠᠨ ᠠᠴᠠ ᠤᠯᠠᠨ ᠲᠦᠮᠡᠨ ᠤ ᠢᠳᠡᠭᠡᠨ ᠪᠠ ᠡᠮ ᠤᠨ ᠵᠤᠶᠢᠯᠡᠰ ᠤᠨ ᠠᠮᠤᠷ ᠲᠥᠪᠰᠢᠨ ᠳᠤ ᠪᠠᠳᠤᠯᠠᠭ᠎ᠠ ᠬᠠᠩᠭᠠᠪᠠ᠃ ᠠᠶᠤᠯᠬᠦᠢ  ᠶᠢᠨ ᠮᠥᠷᠳᠡᠨ ᠪᠠᠶᠢᠴᠠᠭᠠᠯᠳᠠ ᠶᠢ ᠬᠦᠨᠵᠡᠭᠡᠢ ᠥᠷᠨᠢᠬᠦᠯᠦᠭᠰᠡᠨ ᠠᠴᠠ ᠠᠶᠤᠯᠬᠦᠢ ᠤᠶᠢᠯᠡᠳᠪᠦᠷᠢᠯᠡᠯ ᠤᠨ ᠪᠠᠶᠢᠳᠠᠯ ᠲᠤᠭᠳᠠᠭᠤᠨ ᠪᠤᠯᠪᠠ᠃ ᠨᠠᠮ ᠤᠨ ᠦᠨᠳᠦᠰᠦᠳᠡᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠴᠠ ᠦᠨᠳᠦᠰᠦᠳᠡᠨ ᠨᠦᠭᠦᠳ ᠤᠨ ᠪᠥᠯᠬᠦᠮᠳᠡᠯ ᠤᠨ ᠰᠠᠶᠢᠨ ᠪᠠᠶᠢᠳᠠᠯ ᠪᠠᠳᠤᠵᠢᠪᠠ᠃ ᠵᠡᠪᠰᠡᠭᠲᠦ ᠬᠦᠴᠦᠨ᠂ ᠴᠠᠭ ᠠᠭᠤᠷ᠂ ᠬᠠᠩᠭᠠᠨ ᠪᠤᠷᠤᠯᠠᠭᠤᠯᠭ᠎ᠠ᠂ ᠠᠷᠠᠳ ᠤᠨ ᠠᠭᠠᠷ ᠤᠨ ᠰᠡᠷᠭᠡᠶᠢᠯᠡᠯᠳᠡ ᠪᠠ ᠲᠤᠶᠢᠮᠡᠷ ᠰᠡᠷᠭᠡᠶᠢᠯᠡᠯᠳᠡ᠂ ᠲᠠᠩᠰᠠ ᠡᠪᠬᠡᠮᠡᠯ ᠪᠠ ᠲᠡᠤᠬᠡ ᠴᠠᠳᠢᠭ᠂ ᠭᠠᠳᠠᠭᠠᠲᠦ ᠶᠠᠪᠤᠳᠠᠯ ᠪᠠ ᠬᠠᠷᠢᠶᠠᠲᠦ ᠶᠢᠨ ᠶᠠᠪᠤᠳᠠᠯ᠂ ᠡᠮᠡᠭᠲᠠᠶᠢᠴᠤᠳ ᠪᠠ ᠬᠡᠤᠬᠡᠳ ᠪᠠᠭᠠᠴᠤᠳ ᠤᠨ ᠠᠵᠢᠯ᠂ ᠨᠠᠰᠤᠳᠠᠶᠢᠴᠤᠳ᠂ ᠵᠡᠮᠳᠡᠭᠴᠤᠳ᠂ ᠤᠯᠠᠭᠠᠨ ᠵᠠᠭᠠᠯᠮᠠᠶᠢᠳᠠᠨ ᠤ ᠠᠵᠢᠯ ᠵᠡᠷᠭᠡ ᠨᠢ ᠴᠦᠮ ᠰᠢᠨ᠎ᠡ ᠠᠬᠢᠯᠳᠠ ᠲᠠᠢ ᠪᠤᠯᠪᠠ᠃     ︵ᠲᠤᠯᠤᠭ᠎ᠠ︶ ᠠᠷᠠᠳᠴᠢᠯᠠᠯ ᠬᠠᠤᠯᠢ ᠲᠦᠷᠢᠮ ᠪᠤᠯᠤᠨ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠴᠢᠩᠭᠠᠷᠠᠪᠠ᠃ ᠬᠠᠤᠯᠢ ᠪᠠᠷ ᠬᠤᠰᠢᠭᠤ ᠪᠠᠨ ᠵᠠᠰᠠᠬᠤ ᠪᠤᠯᠤᠨ ︽ᠠᠮᠤᠭᠤᠯᠠᠩᠲᠦ ᠪᠠᠷᠠᠭᠤᠨ ᠰᠦᠨᠢᠳ ︾ ᠢ ᠪᠥᠲᠦᠭᠡᠨ ᠪᠠᠶᠢᠭᠤᠯᠬᠤ ᠠᠵᠢᠯ ᠢ ᠢᠳᠡᠪᠬᠢᠲᠠᠢ ᠲᠦᠯᠬᠢᠨ ᠠᠬᠢᠭᠤᠯᠵᠦ᠂ ︽ᠵᠢᠷᠭᠤᠭ᠎ᠠ ᠲᠠᠪᠤ︾ ᠬᠠᠤᠯᠢ ᠲᠦᠭᠡᠮᠡᠯᠵᠢᠬᠦᠯᠬᠦ ᠠᠵᠢᠯ ᠢ ᠠᠮᠵᠢᠯᠲᠠᠲᠠᠢ ᠪᠡᠶᠡᠯᠡᠬᠦᠯᠪᠡ᠃ ᠬᠢᠯᠢ ᠬᠢᠵᠠᠭᠠᠷ ᠢ ᠬᠠᠮᠢᠶᠠᠷᠤᠨ ᠬᠠᠮᠠᠭᠠᠯᠠᠬᠤ ᠠᠵᠢᠯ ᠢᠶᠠᠨ ᠴᠢᠩᠭᠠᠳᠬᠠᠵᠦ᠂ ᠡᠯ᠎ᠡ ᠲᠦᠷᠦᠯ ᠤᠨ ᠬᠠᠤᠯᠢ ᠵᠥᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠥᠭᠪᠡ᠃ ᠬᠠᠤᠯᠢ ᠪᠠᠷ ᠵᠠᠰᠠᠭ ᠪᠠᠷᠢᠬᠤ᠂ ᠵᠠᠰᠠᠭ ᠤᠨ ᠶᠠᠪᠤᠳᠠᠯ ᠢ ᠢᠯᠡ ᠪᠤᠯᠭᠠᠬᠤ ᠪᠤᠯᠤᠨ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠤᠷᠢ ᠲᠤᠭᠳᠠᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠠᠷᠠᠳ ᠤᠨ ᠲᠥᠯᠦᠭᠡᠯᠡᠭᠴᠢᠳ ᠤᠨ ᠬᠠᠤᠯᠢ ᠶᠤᠰᠤᠨ ᠤ ᠬᠢᠨᠠᠯᠳᠠ ᠪᠤᠯᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯᠲᠦ ᠬᠢᠨᠠᠯᠳᠠ ᠶᠢ ᠬᠦᠯᠢᠶᠠᠨ᠂ ᠲᠠᠪᠤᠨ ᠵᠢᠯ ᠤᠨ ᠲᠤᠷᠰᠢ 396 ᠬᠤᠪᠢ ᠠᠷᠠᠳ ᠤᠨ ᠲᠥᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠬᠦᠨ ᠤ ᠰᠠᠨᠠᠯ ᠲᠤᠷᠠᠳᠤᠯᠭ᠎ᠠ ᠶᠢ ᠬᠦᠯᠢᠶᠠᠨ ᠠᠪᠴᠦ ᠰᠢᠢᠳᠪᠤᠷᠢᠯᠡᠵᠦ᠂ ᠰᠢᠢᠳᠪᠤᠷᠢᠯᠡᠭᠰᠡᠨ ᠨᠤᠷᠮ᠎ᠠ 95% ᠠᠴᠠ ᠲᠡᠭᠡᠭᠰᠢ ᠳᠤ ᠬᠦᠷᠪᠡ᠃ ᠪᠦᠬᠦ ᠤᠯᠤᠰ ᠤᠨ ᠠᠷᠢᠭᠤᠨ ᠴᠡᠪᠡᠷ ᠬᠤᠳᠠ ᠪᠠᠯᠭᠠᠰᠦ᠂ ᠥᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠬᠤᠰᠢᠭᠤ ᠰᠢᠶᠠᠨ ᠪᠤᠯᠤᠨ ᠤᠯᠠᠨ ᠲᠦᠮᠡᠨᠴᠢ ᠤᠶᠤᠨ ᠤ ᠪᠤᠯᠪᠠᠰᠤᠨ ᠢ ᠡᠭᠦᠳᠬᠦ ᠠᠵᠢᠯᠯᠠᠭ᠎ᠠ ᠶᠢ ᠢᠳᠡᠪᠬᠢᠲᠠᠢ ᠥᠷᠨᠢᠬᠦᠯᠵᠦ᠂ ᠰᠠᠭᠤᠭᠠᠯᠢ ᠠᠷᠠᠳ ᠤᠨ ᠤᠷᠴᠢᠨ ᠲᠤᠭᠤᠷᠢᠨ ᠤ ᠶᠠᠰᠦ ᠴᠢᠨᠠᠷ ᠪᠠ ᠨᠡᠶᠢᠭᠡᠮ ᠤᠨ ᠪᠤᠯᠪᠠᠰᠤᠨ ᠤ ᠬᠡᠮᠵᠢᠶ᠎ᠠ ᠳᠠᠰᠤᠷᠠᠯᠳᠠ ᠦᠭᠡᠢ ᠲᠡᠭᠡᠭᠰᠢᠯᠡᠪᠡ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠥᠵᠢᠯ ᠤᠶᠢᠯᠡᠳᠦᠯᠭᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠲᠠᠢ ᠪᠠᠶᠢᠬᠤ︾ ᠲᠤᠰᠬᠠᠢ ᠰᠡᠳᠦᠪᠲᠦ ᠬᠦᠮᠥᠵᠢᠯ ᠢ ᠨᠠᠷᠢᠨ ᠬᠢᠨᠠᠮᠠᠭᠠᠢ ᠥᠷᠨᠢᠬᠦᠯᠵᠦ᠂ ᠬᠡᠪ ᠰᠤᠷᠳᠠᠯ ᠢ ᠴᠡᠭᠴᠡᠯᠡᠨ ᠰᠠᠬᠢᠯᠭ᠎ᠠ ᠪᠠᠲᠦ ᠶᠢ ᠵᠢᠷᠤᠮᠯᠠᠵᠦ᠂ ᠲᠦᠷᠢᠮ ᠲᠤᠭᠳᠠᠭᠠᠯ ᠪᠠᠶᠢᠭᠤᠯᠤᠨ ᠴᠢᠩᠭ᠎ᠠ ᠠᠳᠬᠤᠨ ᠨᠠᠶᠢᠳᠠᠪᠤᠷᠢᠵᠢᠭᠤᠯᠵᠦ᠂ ᠠᠵᠢᠯ ᠤᠨ ᠬᠡᠪ ᠰᠤᠷᠳᠠᠯ ᠤᠨ ᠰᠠᠶᠢᠵᠢᠷᠠᠯᠳᠠ ᠶᠢ ᠲᠦᠯᠬᠢᠨ ᠠᠬᠢᠭᠤᠯᠪᠠ᠃ ︽ᠠᠮᠠᠯᠳᠠᠬᠤ︾ ᠲᠤᠭᠳᠠᠯᠴᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠯᠪᠠᠨ ᠭᠡᠷ ᠢ ᠴᠡᠭᠴᠡᠯᠡᠬᠦ ᠠᠵᠢᠯ ᠢ ᠱᠠᠭᠠᠷᠳᠠᠯᠭ᠎ᠠ ᠶᠤᠰᠤᠭᠠᠷ ᠭᠦᠢᠴᠡᠳᠬᠡᠨ᠂ 55 ᠠᠯᠪᠠᠨ ᠤ ᠲᠡᠷᠭᠡ ᠶᠢ ᠰᠢᠢᠳᠪᠤᠷᠢᠯᠡᠭᠰᠡᠨ ᠠᠴᠠ ︽ᠭᠤᠷᠪᠠᠨ ᠠᠯᠪᠠᠨ︾ ᠤ ᠵᠠᠷᠤᠯᠭ᠎ᠠ ᠢᠯᠡᠳᠳᠡ ᠬᠠᠰᠤᠭᠳᠠᠪᠠ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠂ ᠡᠮᠡᠭᠳᠡᠶᠢᠴᠤᠳ ᠤᠨ ᠬᠤᠯᠪᠤᠭ᠎ᠠ ᠵᠡᠷᠭᠡ ᠤᠯᠠᠨ ᠲᠦᠮᠡᠨ ᠤ ᠪᠥᠯᠬᠦᠮ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠦ ᠂ ᠨᠡᠶᠢᠭᠡᠮ ᠤᠨ ᠡᠯ᠎ᠡ ᠡᠳᠡᠭᠡᠳ ᠤᠨ ᠵᠠᠰᠠᠭ ᠤᠨ ᠤᠷᠳᠤᠨ ᠤ ᠠᠵᠢᠯ ᠳᠠᠬᠢ ᠰᠠᠨᠠᠯ ᠰᠠᠨᠠᠭᠤᠯᠭ᠎ᠠ ᠶᠢ ᠭᠦᠢᠴᠡᠳ ᠰᠤᠨᠤᠰᠤᠨ ᠬᠦᠯᠢᠶᠠᠨ ᠠᠪᠤᠪᠠ᠃     ᠲᠥᠯᠦᠭᠡᠯᠡᠭᠴᠢᠳ ᠡ᠂ 2015 ᠤᠨ ᠳᠤ ᠪᠢᠳᠠ ᠬᠤᠷᠸ᠎ᠠ ᠠᠵᠦ ᠠᠬᠤᠢ ᠶᠢᠨ ᠪᠠᠭᠤᠷᠠᠯ ᠤᠨ ᠨᠥᠯᠦᠭᠡᠯᠡᠯ ᠢ ᠠᠷᠭᠠᠴᠠᠭᠠᠵᠦ᠂ ᠠᠵᠦ ᠠᠬᠤᠢ ᠶᠢᠨ ᠤᠷᠤᠯᠭ᠎ᠠ ᠶᠢᠨ ᠲᠤᠭᠳᠠᠭᠤᠨ ᠨᠡᠮᠡᠭᠳᠡᠯ᠂ ᠪᠦᠲᠦᠴᠡ ᠶᠢᠨ ᠲᠤᠬᠢᠷᠠᠭᠤᠯᠤᠯᠳᠠ᠂ ᠦᠭᠡᠷᠡᠴᠢᠯᠡᠯᠳᠡ ᠶᠢ ᠠᠬᠢᠭᠤᠯᠬᠤ᠂ ᠠᠷᠠᠳ ᠲᠤ ᠬᠠᠷᠠᠭᠠᠯᠵᠠᠯ ᠦᠵᠡᠬᠦᠯᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ ᠴᠢᠷᠮᠠᠶᠢᠭᠰᠠᠨ ᠠᠴᠠ ᠪᠦᠬᠦ ᠬᠤᠰᠢᠭᠤᠨ ᠤ ᠠᠵᠦ ᠠᠬᠤᠢ ᠨᠡᠶᠢᠭᠡᠮ ᠦᠷᠬᠦᠯᠵᠢᠯᠡᠨ ᠡᠷᠡᠬᠦᠯ ᠢᠶᠠᠷ ᠬᠦᠭᠵᠢᠬᠦ ᠰᠠᠶᠢᠨ ᠪᠠᠶᠢᠳᠠᠯ ᠢ ᠢᠯᠡᠷᠡᠪᠡ᠃ ᠨᠢᠭᠡ ᠳᠤ ᠠᠵᠦ ᠠᠬᠤᠢ ᠶᠢᠨ ᠲᠤᠭᠳᠠᠭᠤᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠪᠦᠬᠦ ᠵᠢᠯ ᠳᠤ ᠤᠷᠤᠨ ᠨᠤᠳᠤᠭ ᠤᠨ ᠤᠶᠢᠯᠡᠳᠪᠦᠷᠢᠯᠡᠯ ᠤᠨ ᠶᠡᠷᠦᠩᠬᠡᠢ ᠥᠷᠳᠡᠭ 59.5 ᠳ᠋ᠦᠩᠰᠢᠭᠤᠷ ᠲᠥᠭᠦᠷᠢᠭ ᠪᠡᠶᠡᠯᠡᠬᠦᠯᠵᠦ᠂ 11.7% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠪᠦᠬᠦ ᠠᠶᠢᠮᠠᠭ ᠲᠤ ᠲᠤᠰᠪᠤᠷᠢ 8 ᠳ᠋ᠤᠭᠠᠷ ᠪᠠ 4 ᠳ᠋ᠤᠭᠡᠷ ᠲᠤ ᠵᠢᠭᠰᠠᠭᠠᠭᠳᠠᠵᠦ᠂ ᠪᠦᠬᠦ ᠨᠡᠶᠢᠭᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ 30.6 ᠳ᠋ᠦᠩᠰᠢᠭᠤᠷ ᠲᠥᠭᠦᠷᠢᠭ ᠪᠠᠶᠢᠵᠦ᠂ 16.6% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠲᠤᠰᠪᠤᠷᠢ ᠪᠦᠬᠦ ᠠᠶᠢᠮᠠᠭ ᠤᠨ 10 ᠳ᠋ᠤᠭᠠᠷ ᠪᠠ 4 ᠳ᠋ᠤᠭᠡᠷ ᠲᠤ ᠵᠢᠭᠰᠠᠭᠠᠭᠳᠠᠪᠠ᠃ ᠨᠡᠶᠢᠳᠡ ᠶᠢᠨ ᠡᠳ᠋ ᠤᠨ ᠵᠠᠰᠠᠭ ᠤᠨ ᠲᠥᠰᠦᠪ ᠤᠨ ᠤᠷᠤᠯᠭ᠎ᠠ 2.96 ᠳ᠋ᠦᠩᠰᠢᠭᠤᠷ ᠲᠥᠭᠦᠷᠢᠭ ᠪᠠᠶᠢᠵᠦ᠂ 8.8% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠲᠤᠰᠪᠤᠷᠢ ᠪᠦᠬᠦ ᠠᠶᠢᠮᠠᠭ ᠲᠤ 8 ᠳ᠋ᠤᠭᠠᠷ ᠪᠠ 4 ᠳ᠋ᠤᠭᠡᠷ ᠲᠤ ᠵᠢᠭᠰᠠᠭᠠᠭᠳᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠬᠦᠮᠥᠨ ᠪᠦᠷᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠲᠤᠰᠪᠤᠷᠢ 29413 ᠲᠥᠭᠦᠷᠢᠭ ᠪᠠ 8405 ᠲᠥᠭᠦᠷᠢᠭ ᠪᠠᠶᠢᠵᠦ᠂ ᠲᠤᠰᠪᠤᠷᠢ 8.2% ᠪᠠ 8.6% ᠪᠠᠷ ᠨᠡᠮᠡᠭᠳᠡᠪᠡ᠃ ᠪᠦᠬᠦ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠥᠷᠳᠡᠭ 15.8 ᠳ᠋ᠦᠩᠰᠢᠭᠤᠷ ᠲᠥᠭᠦᠷᠢᠭ ᠲᠤ ᠬᠦᠷᠴᠦ᠂ 7.2% ᠢᠶᠠᠷ ᠨᠡᠮᠡᠭᠳᠡᠪᠡ᠃ ᠪᠦᠬᠦ ᠵᠢᠯ ᠳᠤ ᠭᠤᠤᠯᠳᠠᠯᠭᠠᠲᠦ ᠲᠦᠷᠦᠯ ᠵᠤᠶᠢᠯ ᠤᠨ ᠪᠡᠯᠡ ᠤᠷᠤᠭᠤᠯᠤᠯᠳᠠ ᠶᠢ 28.5 ᠳ᠋ᠦᠩᠰᠢᠭᠤᠷ ᠲᠥᠭᠦᠷᠢᠭ ᠪᠡᠶᠡᠯᠡᠬᠦᠯᠵᠦ᠂ ᠠᠵᠢᠯ ᠡᠬᠢᠯᠡᠭᠰᠡᠨ ᠨᠢ 74 ᠲᠦᠷᠦᠯ ᠵᠤᠶᠢᠯ ᠪᠠᠶᠢᠵᠦ᠂ ᠠᠵᠢᠯ ᠡᠬᠢᠯᠡᠭᠰᠡᠨ ᠨᠤᠷᠮ᠎ᠠ 95% ᠳᠤ ᠬᠦᠷᠪᠡ᠃ ᠬᠤᠶᠠᠷ ᠲᠤ ᠠᠵᠦ ᠤᠶᠢᠯᠡᠳᠪᠦᠷᠢ ᠶᠢᠨ ᠬᠡᠯᠪᠡᠷᠢ ᠶᠢᠨ ᠬᠤᠪᠢᠷᠠᠭᠤᠯᠤᠯᠳᠠ ᠲᠡᠰ ᠲᠠᠪᠰᠢᠯᠳᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠪᠦᠬᠦ ᠬᠤᠰᠢᠭᠤᠨ ᠤ ᠬᠡᠪᠴᠢᠶᠠᠵᠢᠯ ᠠᠴᠠ ᠲᠡᠭᠡᠭᠰᠢᠬᠢ ᠠᠵᠦ ᠤᠶᠢᠯᠡᠳᠪᠦᠷᠢ ᠶᠢᠨ ᠠᠵᠦ ᠠᠬᠤᠶᠢᠯᠠᠯ ᠨᠢ 31 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠳᠡᠭ  ᠢ ᠪᠡᠶᠡᠯᠡᠬᠦᠯᠵᠦ᠂ 16.1% ᠪᠠᠷ ᠨᠡᠮᠡᠭᠳᠡᠪᠡ᠃ ᠴᠡᠪᠡᠷ ᠡᠨᠧᠷᠬᠢ᠂ ᠲᠡᠮᠦᠷᠯᠢᠭ ᠬᠠᠶᠢᠯᠤᠭᠤᠯᠬᠤ ᠵᠡᠷᠭᠡ ᠤᠨᠴᠠᠯᠢᠭᠲᠦ ᠠᠵᠦ ᠤᠶᠢᠯᠡᠰ ᠨᠢ ᠲᠡᠰ ᠲᠡᠪᠰᠢᠯᠳᠠ ᠶᠢ ᠪᠡᠶᠡᠯᠡᠬᠦᠯᠵᠦ᠂ ᠵᠢᠩ ᠨᠧᠩ ᠰᠠᠢ ᠬᠠᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠠᠯᠠᠪᠠᠢ ᠶᠢᠨ ᠨᠠᠷᠠᠨ ᠡᠨᠧᠷᠬᠢ ᠶᠢᠨ ᠲᠦᠷᠦᠯ ᠵᠤᠶᠢᠯ ᠨᠢ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠵᠦ᠂ ᠰᠢᠨ ᠮᠧᠩ ᠰᠢᠨ ᠮᠠᠲ᠋ᠧᠷᠢᠶᠠᠯ ᠤᠨ ᠬᠤᠶᠠᠳᠠᠬᠢ ᠬᠤᠭᠤᠴᠠᠭᠠᠨ ᠤ ᠢᠨᠵᠧᠨᠧᠷᠢᠩ᠂ ᠹᠧᠩ ᠯᠧᠢ ᠠᠭᠤᠷᠬᠠᠢ ᠶᠢᠨ ᠮᠡᠷᠭᠡᠵᠢᠯ ᠤᠨ ᠦᠭᠡᠷᠡᠴᠢᠯᠡᠯᠳᠡ᠂ ᠶᠢᠨ ᠰᠢ 1 ᠲᠦᠮᠡᠨ ᠺᠢᠯᠤᠸᠠᠲ ᠤᠨ ᠨᠠᠷᠠᠨ ᠡᠨᠧᠷᠬᠢ ᠶᠢᠨ ᠢᠨᠵᠧᠨᠧᠷᠢᠩ ᠨᠢ ᠠᠮᠵᠢᠯᠲᠠᠲᠠᠢ ᠶᠠᠪᠤᠭᠳᠠᠵᠦ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠭᠡᠰᠡᠭ ᠤᠷᠤᠨ ᠤ 220 ᠺᠢᠯᠤᠸᠠᠲ ᠤᠨ ᠴᠠᠬᠢᠯᠭᠠᠨ ᠱᠤᠭᠤᠮ ᠪᠠ 10 ᠺᠢᠯᠤᠸᠠᠲ ᠤᠨ ᠴᠠᠬᠢᠯᠭᠠᠨ ᠱᠤᠭᠤᠮ ᠤᠨ ᠨᠡᠭᠡᠭᠡᠯᠬᠡᠢ ᠶᠢᠨ ᠥᠷᠳᠡᠭᠡ ᠨᠢ ᠠᠰᠢᠭᠯᠠᠯᠳᠠ  ᠳᠤ ᠤᠷᠤᠪᠠ᠃ ᠠᠵᠦ ᠤᠶᠢᠯᠡᠰ ᠤᠨ ᠰᠢᠯᠵᠢᠬᠦᠯᠦᠯᠳᠡ ᠶᠢ ᠢᠳᠡᠪᠬᠢᠲᠠᠢ ᠬᠦᠯᠢᠶᠠᠨ ᠠᠪᠴᠦ᠂ ᠥᠪᠡᠷᠳᠡᠭᠡᠨ ᠵᠠᠰᠠᠬᠤ ᠤᠷᠤᠨ ᠤ ᠨᠤᠤᠰᠤ ᠨᠤᠯᠤᠤᠷ ᠤᠨ ᠠᠵᠦ ᠤᠶᠢᠯᠡᠰ ᠤᠨ ᠡᠷᠬᠢᠯᠳᠡᠲᠦ ᠠᠵᠦ ᠠᠬᠤᠢ ᠶᠢᠨ ᠲᠤᠭᠤᠷᠢᠭ ᠢ ᠪᠥᠷᠢᠯᠳᠦᠬᠦᠯᠵᠦ᠂ ᠬᠤᠤ ᠰᠢᠶᠠᠩ᠂ ᠭᠤᠸᠠᠩ ᠶᠤᠸᠠᠨ ᠵᠡᠷᠭᠡ ᠨᠤᠤᠰᠤ ᠨᠤᠯᠤᠤᠷ ᠤᠨ ᠠᠵᠦ ᠠᠬᠤᠶᠢᠯᠠᠯ ᠨᠢ ᠴᠦᠮ ᠤᠶᠢᠯᠡᠳᠪᠦᠷᠢᠯᠡᠯ ᠢᠶᠠᠨ ᠡᠬᠢᠯᠡᠬᠦᠯᠵᠦ᠂ ᠼᠣᠣ ᠶᠤᠸᠠᠨ ᠮᠤ᠋ ᠳ᠋ᠦ᠋ ᠠᠵᠦ ᠠᠬᠤᠶᠢᠯᠠᠯ ᠤᠨ ᠵᠢᠯ ᠳᠤ 300 ᠲᠦᠮᠡᠨ ᠵᠠᠬ᠎ᠠ ᠨᠤᠤᠰᠤᠨ ᠬᠤᠪᠴᠠᠰᠦ ᠤᠶᠢᠯᠡᠳᠪᠦᠷᠢᠯᠡᠬᠦ ᠲᠦᠷᠦᠯ ᠵᠤᠶᠢᠯ ᠨᠢ ᠲᠤᠷᠰᠢᠨ ᠤᠶᠢᠯᠡᠳᠪᠦᠷᠢᠯᠡᠬᠦ ᠱᠠᠳᠤᠨ ᠳᠤ ᠤᠷᠤᠪᠠ᠃ ᠪᠦᠬᠦ ᠵᠢᠯ ᠳᠤ 14 ᠠᠵᠣ ᠠᠬᠤᠶᠢᠯᠠᠯ ᠢ ᠣᠷᠢᠨ ᠣᠷᠣᠭᠤᠯᠵᠣ᠂  3.2 ᠳ᠋ᠦᠩᠰᠢᠭᠤᠷ ᠲᠦᠭᠦᠷᠢᠭ ᠤᠨ ᠭᠡᠷ᠎ᠡ ᠲᠤᠭᠳᠠᠪᠠ᠃ ᠲᠤᠮᠳᠠ ᠪᠠᠭ᠎ᠠ ᠠᠵᠦ ᠠᠬᠤᠶᠢᠯᠠᠯ ᠤᠨ ᠤᠯᠠᠨ ᠨᠡᠶᠢᠳᠡ ᠶᠢᠨ ᠤᠶᠢᠯᠡᠴᠢᠯᠡᠭᠡᠨ ᠤ ᠳᠠᠪᠴᠠᠩ ᠢ ᠪᠦᠬᠦ ᠬᠦᠴᠦᠨ ᠢᠶᠠᠷ ᠢᠶᠠᠨ ᠴᠢᠷᠮᠠᠶᠢᠨ ᠪᠠᠶᠢᠭᠤᠯᠵᠦ᠂ ︽ᠰᠦᠨᠢᠳ ᠪᠠᠷᠠᠭᠤᠨ ᠬᠤᠰᠢᠭᠤᠨ ᠤ ᠠᠷᠠᠯᠵᠢᠶᠠᠴᠢᠨ ᠣᠷᠢᠬᠤ︾ ᠨᠡᠶᠢᠳᠡ ᠶᠢᠨ ᠸᠢᠴᠠᠲ ᠢ ᠨᠡᠭᠡᠭᠡᠵᠦ᠂ ᠡᠯᠧᠺᠲᠷᠣᠨ ᠬᠤᠳᠠᠯᠳᠣᠭᠠᠨ ᠤ ᠶᠠᠪᠣᠳᠠᠯ᠂ ︽ᠢᠨᠲ᠋ᠧᠷ ᠰᠦᠯᠵᠢᠶ᠎ᠡ +︾ ᠲᠦᠷᠭᠡᠨ ᠬᠦᠭᠵᠢᠪᠡ᠃  ᠭᠤᠷᠪᠠ ᠳᠤ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠪᠦᠬᠦ ᠬᠦᠴᠦ  ᠪᠠᠷ ᠲᠦᠯᠬᠢᠨ ᠠᠬᠢᠭᠤᠯᠪᠠ᠃ ᠪᠦᠬᠦ ᠬᠤᠰᠢᠭᠤᠨ ᠤ ᠮᠠᠯᠵᠢᠯ ᠤᠨ ᠣᠨ ᠤ ᠵᠤᠭᠰᠤᠭ᠎ᠠ ᠮᠠᠯ ᠤᠨ ᠲᠤᠭ᠎ᠠ 187.4 ᠲᠦᠮᠡ ᠪᠠᠶᠢᠵᠣ᠂ 9185 ᠲᠦᠮᠡᠨ ᠺᠢᠯᠣᠭ᠍ᠷᠠᠮ ᠡᠪᠡᠰᠦ ᠬᠠᠳᠣᠵᠣ ᠬᠤᠷᠢᠶᠠᠪᠠ᠃ 3.06 ᠳ᠋ᠦᠩᠰᠢᠭᠤᠷ ᠲᠥᠭᠦᠷᠢᠭ ᠪᠡᠯᠡ ᠤᠷᠤᠭᠤᠯᠤᠨ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠪᠠ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠵᠠᠰᠠᠨ ᠦᠭᠡᠷᠡᠴᠢᠯᠡᠬᠦ ᠢᠨᠵᠧᠨᠧᠷᠢᠩ ᠢ ᠬᠦᠨᠵᠡᠭᠡᠢ ᠲᠦᠯᠬᠢᠨ ᠠᠬᠢᠭᠤᠯᠪᠠ᠃ ᠡᠪᠦᠯ ᠤᠨ ᠬᠤᠷᠠᠭ᠎ᠠ ᠪᠣᠷᠳᠣᠨ ᠳᠠᠷᠭᠤᠯᠠᠭᠤᠯᠵᠣ ᠣᠷᠢᠳᠴᠢᠯᠠᠨ ᠭᠠᠷᠭᠠᠯᠳᠠ ᠬᠢᠬᠦ ᠠᠵᠢᠯ ᠢ ᠦᠷᠭᠦᠯᠵᠢᠯᠡᠨ ᠬᠡᠷᠡᠭᠵᠢᠭᠦᠯᠵᠦ᠂ 8.99 ᠲᠦᠮᠡᠨ ᠬᠤᠷᠠᠭ᠎ᠠ ᠶᠢ ᠭᠠᠷᠭᠠᠯᠳᠠ ᠬᠢᠪᠡ᠃ ᠰᠦᠨᠢᠳ ᠬᠤᠨᠢᠨ ᠤ ᠮᠥᠷᠳᠡᠯᠳᠡ ᠶᠢᠨ ᠰᠢᠰᠲ᠋ᠧᠮ ᠤᠨ ᠪᠠᠶᠢᠭᠤᠯᠣᠯᠳᠠ  ᠶᠢᠨ ᠲᠣᠷᠰᠢᠯᠳᠠ ᠶᠢᠨ ᠴᠡᠭ ᠤᠨ ᠠᠵᠢᠯ ᠢ ᠢᠳᠡᠪᠬᠢᠳᠠᠢ ᠦᠷᠨᠢᠭᠦᠯᠵᠦ᠂ 10 ᠲᠦᠮᠡᠨ ᠬᠤᠨᠢ ᠶᠢ ᠮᠥᠷᠳᠡᠯᠳᠡ ᠶᠢᠨ ᠰᠢᠰᠲ᠋ᠧᠮ ᠳᠤ ᠳᠠᠩᠰᠠᠯᠠᠬᠤ ᠡᠭᠦᠷᠭᠡ ᠶᠢ ᠪᠡᠶᠡᠯᠡᠬᠦᠯᠪᠡ᠃ ᠲᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠮᠥᠩᠬᠦ 1.2 ᠳ᠋ᠦᠩᠰᠢᠭᠤᠷ ᠲᠦᠭᠦᠷᠢᠭ ᠲᠠᠷᠬᠠᠭᠠᠨ ᠦᠭᠪᠡ᠃ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠬᠡ ᠶᠢ ᠨᠤᠳᠠᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠬᠦᠯᠪᠡ᠃ ︽ᠭᠤᠷᠪᠠᠨ ᠶᠡᠭᠡ ᠶᠠᠳᠠᠭᠤ  ᠶᠢ ᠲᠡᠳᠬᠦᠬᠦ︾ ᠢᠨᠵᠧᠨᠧᠷᠢᠩ ᠢ ᠬᠦᠨᠵᠡᠭᠡᠢ ᠬᠡᠷᠡᠭᠵᠢᠬᠦᠯᠵᠦ᠂ ᠪᠠᠷᠠᠭᠤᠨ ᠣᠷᠣᠨ ᠤ ᠨᠡᠭᠡᠭᠡᠨ ᠬᠦᠭᠵᠢᠬᠦᠯᠦᠯᠳᠡ ᠶᠢ ᠠᠬᠢᠭᠤᠯᠬᠤ ᠬᠤᠷᠠᠯ ᠤᠨ ᠶᠠᠳᠠᠭᠤ ᠶᠢ ᠳᠡᠳᠭᠦᠬᠦ ᠠᠵᠢᠯ ᠤᠨ ᠵᠦᠪᠯᠡᠯ ᠲᠠᠢ ᠶᠡᠷᠦᠩᠬᠡᠢ ᠪᠡᠯᠡ ᠤᠷᠤᠭᠤᠯᠤᠯᠳᠠ ᠨᠢ 9223 ᠲᠦᠮᠡᠨ ᠲᠦᠭᠦᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠪᠣᠯᠣᠨ ᠰᠣᠷᠭᠠᠨ ᠬᠦᠮᠦᠵᠢᠯ ᠤᠨ ᠮᠡᠳᠡᠭᠡ ᠵᠠᠩᠭᠢᠴᠢᠯᠠᠯᠳᠠ ᠶᠢᠨ ᠲᠦᠷᠦᠯ ᠵᠦᠢᠯ ᠤᠨ ᠭᠡᠷ᠎ᠡ ᠲᠣᠭᠳᠠᠪᠠ᠃ ᠪᠦᠬᠦ ᠬᠤᠰᠢᠭᠤᠨ ᠤ 1182 ᠶᠠᠳᠠᠭᠤ ᠬᠦᠴᠢᠷᠳᠡᠯᠳᠠᠢ ᠬᠦᠮᠦᠨ ᠶᠢ ᠳᠠᠩᠰᠠᠯᠠᠬᠤ ᠠᠵᠢᠯ ᠢ ᠪᠡᠶᠡᠯᠡᠭᠦᠯᠪᠡ᠃ ᠳᠦᠷᠪᠡ ᠳᠤ ᠭᠤᠷᠪᠠᠳᠤᠭᠠᠷ ᠠᠵᠣ ᠦᠢᠯᠡᠰ ᠪᠣᠯᠣᠨ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢ ᠪᠦᠬᠦ ᠬᠦᠴᠦᠨ ᠢᠶᠠᠷ  ᠢᠶᠠᠨ ᠴᠢᠩᠭᠠᠳᠬᠠᠪᠠ᠃ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠡᠯ᠎ᠡ ᠲᠦᠷᠦᠯ ᠤᠨ ᠬᠠᠳᠠᠭᠠᠯᠠᠮᠵᠢ ᠶᠢᠨ ᠦᠯᠡᠳᠡᠪᠦᠷᠢ 28.8 ᠳ᠋ᠦᠩᠰᠢᠭᠤᠷ ᠲᠦᠭᠦᠷᠢᠭ ᠪᠠᠶᠢᠵᠦ᠂ 5% ᠪᠠᠷ ᠨᠡᠮᠡᠭᠳᠡᠪᠡ︔ ᠡᠯ᠎ᠡ ᠲᠦᠷᠦᠯ ᠤᠨ ᠵᠢᠭᠡᠯᠡᠯᠭᠡ ᠶᠢᠨ ᠦᠯᠡᠳᠡᠪᠦᠷᠢ 21.2 ᠳ᠋ᠦᠩᠰᠢᠭᠤᠷ ᠲᠦᠭᠦᠷᠢᠭ ᠪᠠᠶᠢᠵᠦ᠂ 30.8% ᠪᠠᠷ ᠨᠡᠮᠡᠭᠳᠡᠪᠡ ︔ ᠵᠠᠰᠠᠮᠠᠯ ᠵᠠᠮ ᠤᠨ ᠠᠶᠠᠨᠴᠢᠨ ᠪᠣᠯᠣᠨ ᠪᠠᠷᠠᠭᠠᠨ ᠤ ᠵᠥᠭᠡᠭᠡᠪᠦᠷᠢ ᠶᠢᠨ ᠬᠡᠮᠵᠢᠶ᠎ᠡ ᠲᠣᠰᠪᠣᠷᠢ ᠺᠢᠯᠣᠮᠧᠲᠷ ᠪᠦᠷᠢ ᠳᠤ 5621 ᠲᠦᠮᠡᠨ ᠬᠦᠮᠦᠨ ᠪᠠ ᠺᠢᠯᠣᠮᠧᠲᠷ ᠪᠦᠷᠢ ᠳᠤ 7.9 ᠳ᠋ᠦᠩᠰᠢᠭᠤᠷ ᠲᠣᠨ ᠳᠤ ᠬᠦᠷᠪᠡ᠃ ᠤᠯᠠᠨ ᠲᠦᠮᠡᠨᠴᠢ ᠴᠢᠨᠠᠷ ᠲᠠᠢ ᠰᠤᠶᠤᠯ ᠤᠨ ᠠᠵᠢᠯᠯᠠᠭ᠎ᠠ ᠪᠤᠯᠤᠨ ᠪᠦᠬᠦ ᠠᠷᠠᠳ ᠢᠶᠠᠷ ᠢᠶᠠᠨ ᠪᠡᠶ᠎ᠡ ᠪᠤᠯᠪᠠᠰᠤᠷᠠᠭᠤᠯᠬᠤ ᠠᠵᠢᠯᠯᠠᠭ᠎ᠠ ᠶᠢ ᠦᠷᠭᠡᠨ ᠬᠡᠪᠴᠢᠶᠠᠨ ᠳᠤ ᠥᠷᠨᠢᠬᠦᠯᠵᠦ᠂ ᠳᠣᠮᠳᠠᠳᠣ ᠣᠯᠣᠰ ᠤᠨ ᠰᠦᠨᠢᠳ ᠣᠯᠠᠨ ᠣᠯᠣᠰ ᠤᠨ ᠨᠣᠣᠰᠣ ᠨᠤᠯᠤᠤᠷ  ᠤᠨ ᠪᠠᠶᠠᠷ᠂ ᠪᠦᠬᠦ ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠨᠠᠭᠠᠳᠣᠮ ᠤᠨ ᠶᠡᠭᠡ ᠬᠤᠷᠠᠯ ᠪᠣᠯᠣᠨ ︽ᠳᠦᠷᠪᠡᠨ ᠶᠡᠭᠡ ᠪᠠᠶᠠᠷ ᠲᠤᠷᠠᠰᠬᠠᠯ︾ ᠤᠨ ᠰᠤᠶᠤᠯ ᠤᠨ ᠨᠡᠷᠡᠲᠦ ᠲᠡᠮᠳᠡᠭ ᠤᠨ ᠠᠵᠢᠯᠯᠠᠭ᠎ᠠ ᠶᠢ ᠠᠮᠵᠢᠯᠳᠠᠳᠠᠢ ᠡᠷᠬᠢᠯᠡᠪᠡ᠃ ᠪᠦᠬᠦ ᠵᠢᠯ ᠤᠨ ᠵᠣᠭᠠᠴᠠᠭᠰᠠᠳ ᠤᠨ ᠲᠤᠭ᠎ᠠ 19.8 ᠲᠦᠮᠡᠨ ᠬᠦᠮᠦᠨ ᠳᠤ ᠬᠦᠷᠴᠦ᠂ ᠵᠢᠭᠤᠯᠴᠢᠯᠠᠯ  ᠤᠨ ᠣᠷᠣᠯᠭ᠎ᠠ 5030 ᠲᠦᠮᠡᠨ ᠲᠦᠭᠦᠷᠢᠭ ᠲᠤ ᠬᠦᠷᠪᠡ᠃ PPP ᠬᠡᠯᠪᠡᠷᠢ ᠪᠠᠷ 4140 ᠲᠦᠮᠡᠨ ᠲᠥᠭᠦᠷᠢᠭ  ᠤᠨ ᠪᠡᠯᠡ ᠤᠷᠤᠭᠤᠯᠵᠦ᠂ ᠪᠤᠬᠢᠷ ᠤᠰᠤ ᠶᠢ ᠲᠠᠬᠢᠨ ᠠᠰᠢᠭᠯᠠᠬᠤ ᠢᠨᠵᠧᠨᠧᠷᠢᠩ᠂ ᠰᠢᠨ᠎ᠡ ᠲᠤᠭᠤᠷᠢᠭ ᠤᠨ ᠬᠤᠳᠤᠭᠤᠷ ᠭᠠᠵᠠᠷ ᠢ ᠦᠭᠡᠷᠡᠴᠢᠯᠡᠬᠦ ᠢᠨᠵᠧᠨᠧᠷᠢᠩ᠂ ᠪᠠᠯᠭᠠᠰᠦᠨ ᠤ ᠵᠡᠬᠦᠨ ᠵᠠᠬ᠎ᠠ ᠶᠢᠨ ᠠᠮᠢ ᠠᠬᠤᠢ ᠶᠢ ᠵᠠᠰᠠᠬᠤ ᠢᠨᠵᠧᠨᠧᠷᠢᠩ ᠵᠡᠷᠭᠡ ᠬᠤᠳᠠ ᠶᠢᠨ ᠪᠥᠲᠦᠭᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠪᠡ᠃ 2600 ᠲᠦᠮᠡᠨ ᠲᠥᠭᠦᠷᠢᠭ ᠤᠨ ᠪᠡᠯᠡ ᠤᠷᠤᠭᠤᠯᠵᠦ᠂ ᠬᠠᠭᠤᠴᠢᠨ ᠬᠤᠳᠠ ᠲᠤᠭᠤᠷᠢᠭ ᠤᠨ ᠦᠭᠡᠷᠡᠴᠢᠯᠡᠯᠳᠡ ᠶᠢ ᠴᠢᠩᠭᠠᠳᠬᠠᠨ᠂ ᠤᠷᠤᠨ ᠰᠠᠭᠤᠴᠠ ᠶᠢᠨ ᠨᠥᠬᠦᠴᠡᠯ ᠠᠨᠠᠢ᠂ ᠤᠯᠠᠨ ᠲᠦᠮᠡᠨ ᠦᠭᠡᠷᠡᠴᠢᠯᠡᠨ ᠵᠠᠰᠠᠬᠤ ᠶᠢ ᠬᠦᠰᠡᠵᠦ ᠪᠠᠶᠢᠭ᠎ᠠ᠂ ᠮᠠᠯᠴᠢᠨ ᠵᠠᠬ᠎ᠠ ᠲᠡᠯᠭᠡᠭᠦᠷ ᠠᠴᠠ ᠡᠮᠤᠨᠡᠰᠢᠬᠢ 550 ᠡᠷᠦᠬᠡ ᠪᠤᠷᠤ ᠭᠡᠷ ᠢ ᠦᠭᠡᠷᠡᠴᠢᠯᠡᠪᠡ᠃ 2700 ᠲᠦᠮᠡᠨ ᠲᠥᠭᠦᠷᠢᠭ ᠤᠨ ᠪᠡᠯᠡ ᠤᠷᠤᠭᠤᠯᠵᠦ᠂ ᠪᠠᠯᠭᠠᠰᠦᠨ ᠤ ᠵᠠᠮ ᠤᠨ ᠳ᠋ᠧᠩ ᠢ ᠡᠨᠧᠷᠬᠢ ᠠᠷᠪᠢᠯᠠᠬᠤ ᠳ᠋ᠧᠩ ᠢᠶᠠᠷ ᠰᠤᠯᠢᠵᠦ᠂ ᠵᠡᠭᠡᠯᠢ ᠭᠤᠳᠤᠮᠵᠢ ᠶᠢ ᠬᠠᠳᠠᠭᠤᠷᠠᠭᠤᠯᠤᠨ᠂ ᠲᠤᠯᠠᠭᠠᠯᠭ᠎ᠠ ᠶᠢᠨ ᠬᠤᠭᠤᠯᠠᠢ ᠲᠤᠤᠷ ᠢ ᠵᠠᠰᠠᠬᠤ ᠵᠡᠷᠭᠡ ᠬᠤᠳᠠ ᠶᠢᠨ ᠪᠠᠶᠢᠭᠤᠯᠤᠯᠳᠠ ᠶᠢᠨ ᠢᠨᠵᠧᠨᠧᠷᠢᠩ ᠳᠤ ᠬᠡᠷᠡᠭᠯᠡᠪᠡ᠃ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠤᠰᠤᠨ ᠠᠰᠢᠭᠯᠠᠯᠳᠠ ᠵᠡᠷᠭᠡ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠪᠠ᠃ 8407 ᠲᠦᠮᠡᠨ ᠲᠥᠭᠦᠷᠢᠭ ᠤᠨ ᠪᠡᠯᠡ ᠤᠷᠤᠭᠤᠯᠵᠦ᠂ 11 ᠭᠠᠴᠠᠭᠠᠨ ᠳᠤ 179.8 ᠺᠢᠯᠤᠮᠧᠲᠷ ᠱᠦᠢᠨᠢ ᠵᠠᠮ ᠵᠠᠰᠠᠪᠠ᠃ 8200 ᠲᠦᠮᠡᠨ ᠲᠥᠭᠦᠷᠢᠭ ᠤᠨ ᠪᠡᠯᠡ ᠤᠷᠤᠭᠤᠯᠵᠦ᠂ 721 ᠺᠢᠯᠤᠮᠧᠲᠷ ᠵᠠᠮ ᠢ ᠰᠢᠨ᠎ᠡ ᠪᠠᠷ ᠵᠠᠰᠠᠬᠤ ᠪᠤᠶᠤ ᠦᠭᠡᠷᠡᠴᠢᠯᠡᠵᠦ᠂ 390 ᠡᠷᠦᠬᠡ ᠳᠤ ᠰᠢᠨ᠎ᠡ ᠡᠨᠧᠷᠬᠢ ᠶᠢᠨ ᠴᠠᠬᠢᠯᠭᠠᠨ ᠲᠤᠤᠷ ᠤᠷᠤᠭᠤᠯᠵᠦ᠂ 500 ᠢᠵᠢ ᠰᠠᠯᠬᠢ ᠨᠠᠷᠠᠨ ᠡᠨᠧᠷᠬᠢ ᠶᠢᠨ ᠴᠠᠬᠢᠯᠭᠠᠨ ᠬᠠᠩᠭᠠᠬᠤ ᠰᠢᠰᠲ᠋ᠧᠮ ᠢ ᠲᠡᠰ ᠲᠡᠪᠰᠢᠬᠦᠯᠦᠨ ᠦᠭᠡᠷᠡᠴᠢᠯᠡᠪᠡ᠃ 4628 ᠲᠦᠮᠡᠨ ᠲᠥᠭᠦᠷᠢᠭ ᠤᠨ ᠪᠡᠯᠡ ᠤᠷᠤᠭᠤᠯᠵᠦ᠂ 1 ᠤᠰᠤ ᠳᠠᠳᠠᠬᠤ ᠢᠨᠵᠧᠨᠧᠷᠢᠩ᠂ 160 ᠬᠤᠳᠳᠤᠭ᠂ 500 ᠤᠰᠤ ᠬᠠᠳᠠᠭᠠᠯᠠᠬᠤ ᠵᠤᠭᠤᠷᠢ ᠶᠢ ᠰᠢᠨ᠎ᠡ ᠪᠠᠷ ᠪᠠᠶᠢᠭᠤᠯᠵᠦ᠂ 388 ᠢᠵᠢ ᠤᠰᠤ ᠰᠠᠶᠢᠵᠢᠷᠠᠭᠤᠯᠬᠤ ᠲᠥᠬᠦᠭᠡᠷᠦᠮᠵᠢ ᠲᠠᠷᠬᠠᠭᠠᠪᠠ᠃ ᠲᠠᠪᠤ ᠳᠤ ᠠᠷᠠᠳ ᠤᠨ ᠠᠮᠢᠳᠣᠷᠠᠯ ᠪᠣᠯᠣᠨ ᠨᠡᠶᠢᠭᠡᠮ ᠤᠨ ᠪᠠᠳᠣᠯᠠᠭ᠎ᠠ ᠶᠢᠨ ᠠᠵᠢᠯ ᠢ ᠪᠦᠬᠦ ᠬᠦᠴᠦᠨ  ᠢᠶᠠᠷ ᠢᠶᠠᠨ ᠠᠳᠬᠤᠪᠠ᠃ ᠪᠦᠬᠦ ᠵᠢᠯ ᠳᠤ ᠭᠠᠵᠠᠷ ᠣᠷᠣᠨ ᠤ ᠡᠳ᠋ ᠤᠨ ᠵᠠᠰᠠᠭ ᠠᠴᠠ ᠠᠷᠠᠳ ᠤᠨ ᠠᠮᠢᠳᠣᠷᠠᠯ ᠳᠤ 9.4 ᠳ᠋ᠦᠩᠰᠢᠭᠤᠷ ᠲᠦᠭᠦᠷᠢᠭ ᠤᠷᠤᠭᠤᠯᠵᠦ᠂ ᠡᠳ᠋ ᠤᠨ ᠵᠠᠰᠠᠭ ᠤᠨ ᠶᠡᠷᠦᠩᠭᠡᠢ ᠵᠠᠷᠣᠯᠭ᠎ᠠ ᠶᠢᠨ 68.8% ᠶᠢ ᠡᠵᠡᠯᠡᠪᠡ᠃ ︽ᠠᠷᠪᠠᠨ ᠶᠡᠭᠡ ᠠᠷᠠᠳ ᠤᠨ ᠠᠮᠢᠳᠤᠷᠠᠯ︾ ᠤᠨ ᠢᠨᠵᠧᠨᠧᠷᠢᠩ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠠᠵᠢᠯ ᠣᠯᠭᠤᠯᠳᠠ ᠶᠢᠨ ᠪᠣᠯᠪᠠᠰᠣᠷᠠᠯ ᠶᠢᠨ ᠲᠡᠮᠵᠢᠯᠭᠡ ᠪᠠᠨ ᠴᠢᠩᠭᠠᠳᠬᠠᠵᠣ᠂ 8016 ᠠᠵᠢᠯ ᠤᠨ ᠪᠠᠶᠢᠷᠢ ᠶᠢ ᠴᠣᠭᠯᠠᠭᠤᠯᠵᠣ᠂ ᠬᠤᠳᠠ ᠪᠠᠯᠭᠠᠰᠣᠨ ᠤ ᠡᠯ᠎ᠡ ᠲᠦᠷᠦᠯ ᠤᠨ1630 ᠬᠦᠮᠦᠨ ᠢ ᠲᠥᠪᠬᠢᠨᠡᠬᠦᠯᠵᠦ᠂ ᠤᠶᠢᠯᠡᠰ ᠪᠤᠰᠬᠠᠬᠤ ᠪᠠᠳᠤᠯᠠᠭᠠᠲᠦ ᠵᠢᠭᠡᠯᠡᠯᠭᠡ 3535 ᠲᠦᠮᠡᠨ ᠲᠥᠭᠦᠷᠢᠭ ᠲᠠᠷᠬᠠᠭᠠᠪᠠ᠃ ᠨᠡᠶᠢᠭᠡᠮ ᠤᠨ ᠪᠠᠳᠣᠯᠠᠭ᠎ᠠ ᠶᠢᠨ ᠰᠢᠰᠲ᠋ᠧᠮ ᠤᠨ ᠪᠠᠶᠢᠭᠤᠯᠣᠯᠳᠠ ᠶᠢ ᠲᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ  ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠨᠣᠷᠮ᠎ᠠ 96.8% ᠳᠤ ᠬᠦᠷᠪᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ᠂ ᠠᠵᠣ ᠠᠬᠤᠶᠢᠯᠠᠯ ᠤᠨ ᠠᠵᠢᠯ ᠠᠴᠠ ᠪᠠᠭᠤᠭᠰᠠᠨ ᠠᠵᠢᠯᠳᠠᠨ ᠪᠣᠯᠣᠨ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠨᠠᠰᠣᠵᠢᠯ ᠤᠨ ᠮᠦᠩᠭᠦ ᠠᠳᠠᠯᠢ ᠬᠤᠭᠤᠴᠠᠭᠠᠨ ᠤ ᠬᠢ ᠠᠴᠠ ᠲᠤᠰᠪᠤᠷᠢ 15%᠂ 9.2% ᠪᠣᠯᠣᠨ 3.5% ᠪᠠᠷ ᠨᠡᠮᠡᠭᠳᠡᠪᠡ᠃ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠲᠡᠩᠴᠡᠭᠦᠷᠢᠳᠠᠢ ᠬᠦᠭᠵᠢᠯᠳᠡ ᠪᠣᠯᠣᠨ ᠰᠣᠷᠭᠠᠭᠤᠯᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠣᠯᠳᠠ ᠶᠢ ᠯᠠᠪᠳᠠᠭᠤᠨ ᠪᠠᠳᠤᠲᠠᠢ ᠠᠬᠢᠭᠤᠯᠵᠣ᠂ ︽ᠰᠠᠭᠤᠷᠢ ᠰᠣᠷᠭᠠᠨ ᠬᠦᠮᠦᠵᠢᠯ ᠤᠨ ᠶᠠᠰᠣ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ︵2015 ᠣᠨ—2017 ᠣᠨ︶︾ ᠪᠤᠯᠤᠨ ︽ᠰᠤᠷᠭᠠᠭᠤᠯᠢ ᠶᠢᠨ ᠬᠦᠯ ᠪᠥᠮᠪᠦᠭᠡ ᠶᠢᠨ ᠦᠭᠡᠷᠡᠴᠢᠯᠡᠯᠳᠡ ᠪᠠ ᠬᠦᠭᠵᠢᠬᠦᠯᠦᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠦᠪᠯᠡᠭᠡ︾ ᠶᠢ ᠬᠡᠷᠡᠭᠵᠢᠬᠦᠯᠦᠨ᠂ ᠮᠣᠩᠭᠤᠯ ᠳᠣᠮᠳᠠᠳᠣ ᠰᠣᠷᠭᠠᠭᠤᠯᠢ ᠶᠢ ᠨᠡᠭᠦᠯᠭᠡᠨ ᠪᠠᠶᠢᠭᠤᠯᠬᠤ ᠲᠦᠷᠦᠯ ᠵᠦᠢᠯ ᠪᠣᠯᠣᠨ ᠠᠯᠪᠠᠨ ᠵᠢᠷᠣᠮ ᠤᠨ ᠰᠣᠷᠭᠠᠨ ᠬᠦᠮᠦᠵᠢᠯ ᠨᠥᠬᠦᠴᠡᠯ ᠪᠠᠷᠤᠭᠲᠠᠢ ᠰᠣᠷᠭᠠᠭᠤᠯᠢ ᠶᠢ ᠵᠠᠰᠠᠨ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠣᠯᠣᠰ  ᠤᠨ ᠳᠡᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠳᠡᠩᠴᠡᠭᠦᠷᠢᠲᠠᠢ ᠬᠦᠭᠵᠢᠯᠳᠡ ᠶᠢᠨ ᠪᠠᠷᠢᠮᠵᠢᠶᠠᠨ ᠳᠤ ᠬᠦᠷᠭᠡᠬᠦ ᠰᠢᠯᠭᠠᠨ ᠳ᠋ᠦᠩᠨᠡᠯᠳᠡ ᠶᠢ ᠠᠮᠵᠢᠯᠳᠠᠳᠠᠢ ᠦᠩᠭᠡᠷᠡᠪᠡ᠃ ᠠᠯᠪᠠᠨ ᠤ ᠡᠮᠨᠡᠯᠭᠡ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠡᠮ ᠤᠨ ᠵᠤᠶᠢᠯᠡᠰ ᠤᠨ ᠦᠨ᠎ᠡ ᠶᠢ ᠥᠰᠬᠡᠬᠦ ᠶᠢ ᠬᠤᠷᠢᠭᠯᠠᠵᠦ᠂ ᠦᠨ᠎ᠡ  ᠶᠢᠨ ᠵᠥᠷᠢᠶ᠎ᠡ ᠦᠭᠡᠢ ᠪᠤᠷᠤᠯᠠᠭᠤᠯᠪᠠ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠵᠢᠩᠬᠢᠨᠢ ᠪᠠᠷ ᠠᠰᠢᠭᠯᠠᠯᠳᠠ ᠳᠤ ᠤᠷᠤᠭᠤᠯᠵᠦ᠂ 5164 ᠮᠠᠯᠴᠢᠨ ᠲᠠᠷᠢᠶᠠᠴᠢᠨ ᠳᠤ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠦᠭᠪᠡ᠃ 2400 ᠡᠮ ᠤᠨ ᠬᠠᠶᠢᠷᠴᠠᠭ ᠲᠠᠷᠬᠠᠭᠠᠵᠦ᠂ ᠭᠠᠴᠠᠭ᠎ᠠ ᠲᠣᠰᠬᠤᠨ ᠤ 30 ᠡᠮᠴᠢ  ᠳᠤ ᠮᠣᠲ᠋ᠣᠷ ᠲᠡᠷᠭᠡ ᠲᠤᠬᠢᠷᠠᠭᠤᠯᠪᠠ᠃ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠣ᠂ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶ᠎ᠠ ᠡᠮ  ᠤᠨ ᠵᠦᠢᠯ ᠤᠨ ᠨᠡᠮᠡᠯᠳᠡ ᠦᠨ᠎ᠡ ᠶᠢ ᠬᠠᠰᠤᠵᠦ ᠦᠨ᠎ᠡ ᠶᠢᠨ ᠵᠦᠷᠢᠶ᠎ᠡ ᠶᠢ ᠦᠭᠡᠶᠢᠰᠬᠡᠪᠡ᠃ ᠵᠢᠷᠭᠤᠭ᠎ᠠ ᠳᠤ ᠵᠠᠰᠠᠭ  ᠤᠨ ᠤᠷᠳᠤᠨ ᠤ ᠠᠵᠢᠯ ᠤᠨ ᠴᠢᠳᠠᠪᠬᠢ ᠶᠢᠨ ᠬᠤᠪᠢᠷᠠᠭᠤᠯᠤᠯᠳᠠ ᠶᠢ ᠲᠦᠷᠭᠡᠳᠬᠡᠪᠡ᠃ ᠠᠵᠦ ᠠᠬᠤᠢ ᠪᠤᠯᠤᠨ ᠠᠮᠢ ᠠᠬᠤᠢ ᠶᠢᠨ ᠪᠤᠯᠪᠠᠰᠤᠨ ᠤ ᠬᠦᠷᠢᠶ᠎ᠡ ᠬᠡᠪᠴᠢᠶᠠᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ 107 ᠲᠦᠷᠦᠯ ᠵᠤᠶᠢᠯ ᠳᠤ ᠦᠭᠡᠷᠡᠴᠢᠯᠡᠯᠳᠡ ᠬᠢᠪᠠ᠃ ᠵᠠᠰᠠᠭ ᠤᠨ ᠶᠠᠪᠣᠳᠠᠯ ᠤᠨ ᠦᠢᠯᠡᠴᠢᠯᠡᠭᠡ᠂ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠵᠠᠰᠠᠭ ᠵᠠᠬᠢᠷᠭᠠᠨ ᠤ ᠴᠢᠳᠠᠪᠬᠢ ᠶᠢᠨ ᠬᠢᠨᠠᠨ ᠪᠠᠶᠢᠴᠠᠭᠠᠯᠳᠠ ︽ᠭᠤᠷᠪᠠ ᠶᠢ ᠨᠢᠭᠡ ᠴᠣᠭᠴᠠᠵᠢᠯᠠᠭᠰᠠᠨ︾ ᠠᠵᠢᠯ ᠤᠨ ᠵᠣᠬᠢᠴᠠᠮᠵᠢ ᠶᠢ ᠢᠳᠡᠪᠬᠢᠲᠠᠢ ᠡᠭᠦᠳᠴᠦ᠂ ᠪᠦᠬᠦ ᠵᠢᠯ ᠳᠤ 1.1 ᠲᠦᠮᠡᠨ ᠬᠤᠪᠢ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠵᠦᠢᠯ ᠢ ᠭᠦᠢᠴᠡᠳᠭᠡᠵᠦ᠂ ᠭᠦᠢᠴᠡᠳᠭᠡᠭᠰᠡᠨ ᠨᠣᠷᠮ᠎ᠠ 100%᠂ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠭᠦ   ᠶᠢᠨ ᠠᠷᠪᠢᠯᠠᠯᠳᠠ 12% ᠪᠠᠶᠢᠵᠦ᠂ ᠬᠤᠰᠢᠭᠤ ᠱᠠᠳᠤᠨ ᠤ 3538 ᠲᠦᠷᠦᠯ ᠤᠨ ᠵᠠᠰᠠᠭ ᠵᠠᠬᠢᠷᠭᠠᠨ ᠤ ᠡᠷᠭᠡ ᠶᠢᠨ ᠨᠠᠷᠢᠨ ᠳᠠᠩᠰᠠ ᠶᠢ ᠨᠠᠶᠢᠷᠠᠭᠤᠯᠬᠤ ᠠᠵᠢᠯ ᠢ ᠪᠡᠶᠡᠯᠡᠬᠦᠯᠪᠡ᠃ ᠵᠠᠰᠠᠭ ᠤᠨ ᠣᠷᠳᠣᠨ ᠤ ᠴᠢᠨᠠᠷᠳᠠᠢ ᠦᠷᠢ ᠶᠢ ᠴᠢᠩᠭ᠎ᠠ ᠬᠢᠵᠠᠭᠠᠷᠯᠠᠵᠣ᠂ ᠪᠦᠬᠦ ᠵᠢᠯ ᠳᠤ 7239 ᠲᠦᠮᠡᠨ ᠲᠦᠭᠦᠷᠢᠭ ᠤᠨ ᠦᠷᠢ ᠶᠢ ᠰᠢᠢᠳᠪᠤᠷᠢᠯᠡᠪᠡ᠃ ︽ᠭᠤᠷᠪᠠᠨ ᠴᠢᠩᠭ᠎ᠠ ᠭᠤᠷᠪᠠᠨ ᠪᠣᠳᠠᠳᠠᠢ ᠪᠠᠶᠢᠬᠤ︾ ᠲᠣᠰᠬᠠᠢ ᠰᠡᠳᠦᠪᠳᠦ ᠬᠦᠮᠦᠵᠢᠯ ᠢ ᠬᠦᠨᠵᠡᠭᠡᠢ ᠦᠷᠨᠢᠭᠦᠯᠵᠦ᠂ ︽ᠴᠢᠩᠭ᠎ᠠ ᠪᠢᠰᠢ ᠪᠣᠳᠠᠳᠠᠢ ᠪᠢᠰᠢ ᠪᠠᠶᠢᠬᠤ︾ ᠠᠰᠠᠭᠤᠳᠠᠯ ᠢ ᠨᠠᠷᠢᠨ ᠬᠢᠨᠠᠮᠠᠭᠠᠢ ᠬᠠᠯᠠᠨ ᠰᠠᠶᠢᠵᠢᠷᠠᠭᠤᠯᠪᠠ᠃ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠢᠭᠤᠨ ᠴᠢᠭᠡᠴᠢ ᠪᠠᠷ ᠦᠪᠡᠷ ᠢ ᠪᠠᠨ ᠰᠠᠬᠢᠯᠭᠠᠵᠢᠭᠤᠯᠬᠤ ᠲᠦᠷᠢᠮ︾ ᠪᠣᠯᠣᠨ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠰᠠᠬᠢᠯᠭ᠎ᠠ ᠪᠠᠳᠣ ᠶᠢᠨ ᠰᠢᠳᠭᠡᠯ ᠤᠨ ᠲᠦᠷᠢᠮ︾ ᠢ ᠨᠠᠷᠢᠨ ᠬᠢᠨᠠᠮᠠᠭᠠᠢ ᠰᠣᠷᠣᠯᠴᠠᠨ ᠲᠣᠣᠱᠯᠠᠭᠤᠯᠵᠣ᠂ ᠤᠯᠤᠰ ᠲᠦᠷᠦ ᠶᠢᠨ ᠤᠬᠠᠮᠰᠠᠷ᠂ ᠴᠢᠭᠡᠴᠢ ᠵᠠᠰᠠᠭ ᠤᠨ ᠣᠬᠠᠮᠰᠠᠷ ᠪᠣᠯᠣᠨ ᠰᠠᠬᠢᠯᠭ᠎ᠠ ᠪᠠᠳᠣ ᠶᠢᠨ ᠣᠬᠠᠮᠰᠠᠷ ᠢ ᠣᠯᠠᠮ ᠨᠢᠭᠡ ᠠᠯᠬᠤᠮ ᠳᠡᠭᠡᠭᠰᠢᠯᠡᠭᠦᠯᠪᠡ᠃     ᠲᠦᠯᠦᠭᠡᠯᠡᠭᠴᠢᠳ ᠡ᠂ ᠲᠠᠪᠤᠨ ᠵᠢᠯ ᠤᠨ ᠤᠶᠢᠯᠡᠳᠦᠯᠭᠡ ᠪᠠᠷ ᠪᠢᠳᠠ ᠰᠦᠨᠢᠳ ᠪᠠᠷᠠᠭᠤᠨ ᠬᠤᠰᠢᠭᠤᠨ ᠤ ᠬᠦᠭᠵᠢᠯᠳᠡ ᠶᠢ ᠲᠦᠷᠭᠡᠳᠬᠡᠬᠦ ᠳᠤ ᠡᠷᠬᠡᠪᠰᠢ ᠬᠦᠴᠦᠨ ᠴᠢᠳᠠᠯ ᠢᠶᠠᠨ ᠬᠠᠮᠳᠤᠳᠬᠠᠵᠦ ᠬᠦᠭᠵᠢᠯᠳᠡ ᠶᠢ ᠠᠳᠬᠤᠬᠤ ᠬᠡᠷᠡᠭᠲᠠᠢ ᠭᠡᠳᠡᠭ ᠢ ᠤᠶᠢᠯᠠᠭᠠᠪᠠ᠃ ᠬᠦᠭᠵᠢᠯᠳᠡ ᠪᠤᠯ ᠠᠯᠢᠪᠠ ᠠᠰᠠᠭᠤᠳᠠᠯ ᠢ ᠰᠢᠢᠳᠪᠤᠷᠢᠯᠡᠬᠦ ᠶᠢᠨ ᠵᠠᠩᠬᠢᠯᠠᠭ᠎ᠠ ᠪᠤᠯᠤᠨ᠎ᠠ᠃  ᠡᠯ᠎ᠡ ᠲᠦᠷᠦᠯ ᠤᠨ ᠪᠠᠶᠢᠯᠳᠤᠬᠤ ᠪᠤᠳᠤᠯᠭ᠎ᠠ ᠶᠢᠨ ᠲᠤᠬᠢᠶᠠᠯ ᠢ ᠠᠳᠬᠤᠵᠦ᠂ ᠲᠤᠰ ᠪᠡᠶ᠎ᠡ ᠶᠢᠨ ᠳᠠᠪᠠᠭᠤᠯᠢᠭ ᠪᠠ ᠤᠶᠢᠯᠡᠳᠦᠯ ᠢᠶᠠᠨ ᠪᠠᠳᠠᠷᠠᠭᠤᠯᠮᠠᠨᠵᠢᠨ ᠰᠠᠶ᠋ᠢ ᠬᠦᠭᠵᠢᠯᠳᠡ ᠶᠢᠨ ᠭᠤᠤᠯ ᠡᠷᠬᠡ ᠶᠢ ᠠᠳᠬᠤᠵᠦ᠂ ᠬᠤᠷᠴᠠ ᠰᠢᠷᠦᠬᠦᠨ ᠥᠷᠢᠰᠦᠯᠳᠦᠭᠡᠨ ᠲᠤᠮᠳᠠ ᠤᠷᠤᠨ ᠪᠠᠶᠢᠷᠢ ᠪᠠᠨ ᠤᠯᠵᠦ ᠴᠢᠳᠠᠨ᠎ᠠ᠃ ᠨᠠᠶᠢᠳᠠᠪᠤᠷᠢᠵᠢᠭᠤᠯᠤᠯᠳᠠ  ᠶᠢ ᠭᠤᠶᠢᠪᠢᠰᠢ ᠦᠭᠡᠢ ᠠᠳᠬᠤᠬᠤ ᠬᠡᠷᠡᠭᠲᠠᠢ᠃ ᠲᠠᠪᠤᠨ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶ᠎ᠠ ᠨᠢ ᠪᠤᠳᠠᠲᠠᠢ ᠳᠤ ᠰᠠᠭᠤᠷᠢᠯᠠᠨ᠂ ᠰᠢᠨᠵᠢᠯᠡᠬᠦ ᠤᠬᠠᠭᠠᠨᠴᠢ ᠪᠠᠷ ᠲᠦᠰᠦᠪᠯᠡᠵᠦ᠂ ᠪᠦᠬᠦ ᠲᠠᠯ᠎ᠠ ᠶᠢ ᠡᠵᠡᠮᠳᠡᠭᠰᠡᠨ ᠠᠷᠭ᠎ᠠ ᠪᠤᠳᠤᠯᠭ᠎ᠠ ᠪᠠ ᠰᠡᠳᠬᠢᠴᠡ ᠶᠢ ᠲᠤᠭᠳᠠᠭᠠᠵᠦ᠂ ᠬᠤᠰᠢᠭᠤ ᠵᠠᠰᠠᠭ ᠤᠨ ᠤᠷᠳᠤᠨ ᠨᠠᠷᠢᠨ ᠬᠢᠨᠠᠮᠠᠭᠠᠢ ᠲᠤᠤᠱᠯᠠᠭᠤᠯᠤᠨ᠂ ᠡᠯ᠎ᠡ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠯᠳᠠ ᠶᠢ ᠠᠬᠢᠭᠤᠯᠤᠭᠰᠠᠨ ᠠᠴᠠ ᠠᠵᠦ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠤᠶᠢᠯᠡᠰ ᠦᠷᠬᠦᠯᠵᠢᠯᠡᠨ ᠡᠷᠡᠬᠦᠯ ᠢᠶᠠᠷ ᠬᠦᠭᠵᠢᠪᠡ᠃ ᠡᠷᠡᠯᠬᠡᠭᠯᠡᠨ ᠲᠡᠮᠡᠴᠡᠵᠦ ᠵᠤᠷᠢᠭᠲᠠᠢ ᠬᠠᠷᠢᠭᠤᠴᠠᠬᠤ ᠬᠡᠷᠡᠭᠲᠠᠢ᠃ ᠪᠡᠷᠬᠡ ᠬᠠᠳᠠᠭᠤᠵᠢᠯᠲᠠᠢ ᠠᠵᠦ ᠠᠬᠤᠢ ᠨᠡᠶᠢᠭᠡᠮ ᠤᠨ ᠪᠥᠲᠦᠭᠡᠨ ᠪᠠᠶᠢᠭᠤᠯᠤᠯᠳᠠ ᠶᠢᠨ ᠡᠭᠦᠷᠭᠡ ᠶᠢᠨ ᠡᠮᠤᠨ᠎ᠡ᠂ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠡᠷᠡᠯᠬᠡᠭᠯᠡᠨ ᠤᠷᠤᠭᠰᠢᠯᠠᠵᠦ᠂ ᠬᠠᠷᠠᠯᠳᠠ ᠳᠤᠳᠤᠷᠬᠠᠢ ᠪᠥᠯᠬᠦᠮᠳᠡᠨ ᠬᠠᠮᠵᠢᠯᠴᠠᠵᠦ᠂ ᠬᠦᠴᠢᠷ ᠢ ᠰᠦᠷᠴᠦ ᠡᠯ᠎ᠡ ᠠᠵᠢᠯ ᠡᠭᠦᠷᠭᠡ ᠪᠠᠨ ᠠᠮᠵᠢᠯᠲᠠᠲᠠᠢ ᠪᠡᠶᠡᠯᠡᠬᠦᠯᠬᠦ ᠬᠡᠷᠡᠭᠲᠠᠢ᠃ ᠬᠡᠪ ᠰᠤᠷᠳᠠᠯ ᠤᠨ ᠬᠤᠪᠢᠷᠠᠭᠤᠯᠤᠯᠳᠠ ᠶᠢ ᠴᠦᠬᠦᠷᠡᠯᠳᠡ ᠦᠭᠡᠢ ᠠᠳᠬᠤᠬᠤ ᠬᠡᠷᠡᠭᠲᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠦᠬᠦ ᠬᠤᠰᠢᠭᠤᠨ ᠤ ᠨᠠᠮ ᠤᠨ ᠭᠡᠰᠢᠬᠦᠨ ᠺᠠᠳ᠋ᠷ ᠨᠢ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠳᠠᠯᠠᠨ᠂ ᠲᠥᠪ ᠤᠨ ᠨᠠᠢᠮᠠᠨ ᠵᠤᠷᠪᠤᠰ ᠲᠤᠭᠳᠠᠭᠠᠯ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠠᠵᠢᠯ ᠤᠨ ᠬᠡᠪ ᠰᠤᠷᠳᠠᠯ ᠢᠶᠠᠨ ᠳᠠᠰᠤᠷᠠᠯᠳᠠ ᠦᠭᠡᠢ ᠰᠠᠶᠢᠵᠢᠷᠠᠭᠤᠯᠵᠦ᠂ ᠤᠯᠠᠨ ᠲᠦᠮᠡᠨ ᠯᠦᠭᠡ ᠶᠢᠨ ᠬᠠᠷᠢᠴᠠᠭ᠎ᠠ ᠪᠠᠨ ᠳᠠᠰᠤᠷᠠᠯᠳᠠ ᠦᠭᠡᠢ ᠵᠤᠵᠠᠭᠠᠳᠬᠠᠵᠦ᠂ ᠠᠵᠢᠯ ᠤᠨ ᠦᠷ᠎ᠡ ᠪᠥᠲᠦᠮᠵᠢ ᠪᠠᠨ ᠲᠡᠭᠡᠭᠰᠢᠯᠡᠬᠦᠯᠦᠭᠰᠡᠨ ᠠᠴᠠ ᠵᠠᠰᠠᠭ ᠤᠨ ᠤᠷᠳᠤᠨ ᠤ ᠲᠦᠷᠢ ᠲᠦᠷᠬᠦ ᠤᠯᠠᠮ ᠨᠢᠭᠡ ᠠᠯᠬᠤᠮ ᠲᠡᠭᠡᠭᠰᠢᠯᠡᠵᠦ᠂ ᠺᠠᠳ᠋ᠷ ᠤᠯᠠᠨ ᠲᠦᠮᠡᠨ ᠤ ᠬᠠᠷᠢᠴᠠᠭ᠎ᠠ ᠤᠯᠠᠮ ᠨᠢᠭᠡ ᠠᠯᠬᠤᠮ ᠨᠢᠭᠳᠠᠷᠠᠪᠠ᠃ ᠡᠳᠡᠭᠡᠷ ᠨᠢ ᠪᠢᠳᠠᠨ ᠤ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠮᠥᠷᠳᠡᠭᠡᠨ ᠬᠤᠶᠢᠰᠢᠳᠠ  ᠶᠢᠨ ᠡᠷᠬᠡᠪᠰᠢ ᠪᠠᠷᠢᠮᠳᠠᠯᠠᠬᠤ ᠴᠢᠬᠤᠯᠠ ᠵᠠᠷᠴᠢᠮ ᠪᠤᠯᠤᠨ᠎ᠠ᠃     ᠲᠥᠯᠦᠭᠡᠯᠡᠭᠴᠢᠳ ᠡ᠂ ᠲᠠᠪᠤᠨ ᠵᠢᠯ ᠤᠨ ᠲᠤᠷᠰᠢᠬᠢ ᠲᠠᠪᠰᠢᠯᠳᠠ ᠪᠠ ᠬᠤᠪᠢᠷᠠᠯᠳᠠ ᠨᠢ ᠠᠶᠢᠮᠠᠭ ᠤᠨ ᠨᠠᠮ  ᠤᠨ ᠬᠤᠷᠢᠶ᠎ᠠ᠂ ᠵᠠᠬᠢᠷᠭ᠎ᠠ ᠶᠢᠨ ᠵᠥᠪ ᠤᠨᠤᠪᠴᠢᠲᠠᠢ ᠰᠢᠢᠳᠪᠤᠷᠢ ᠪᠠ ᠤᠳᠤᠷᠢᠳᠤᠯᠭ᠎ᠠ᠂ ᠬᠤᠰᠢᠭᠤ ᠨᠠᠮ ᠤᠨ ᠬᠤᠷᠢᠶ᠎ᠠ ᠶᠢᠨ ᠬᠤᠷᠸ᠎ᠠ ᠲᠥᠯᠦᠪᠵᠢᠬᠦᠯᠭᠡ ᠪᠤᠯᠤᠨ ᠨᠢᠭᠡᠳᠤᠯᠲᠠᠢ ᠤᠳᠤᠷᠢᠳᠤᠯᠭ᠎ᠠ ᠵᠢᠴᠢ ᠪᠦᠬᠦ ᠬᠤᠰᠢᠭᠤᠨ ᠤ 7 ᠲᠦᠮᠡᠨ ᠺᠠᠳ᠋ᠷ ᠤᠯᠠᠨ ᠲᠦᠮᠡᠨ ᠤ ᠬᠠᠮᠲᠦ ᠶᠢᠨ ᠤᠶᠤᠨ ᠤᠬᠠᠭᠠᠨ ᠬᠦᠴᠦᠨ ᠴᠢᠳᠠᠯ ᠠᠴᠠ ᠰᠠᠯᠤᠰᠢ ᠦᠭᠡᠢ ᠶᠤᠮ᠃ ᠠᠳᠡ᠂ ᠪᠢ ᠠᠷᠠᠳ ᠤᠨ ᠵᠠᠰᠠᠭ ᠤᠨ ᠤᠷᠳᠤᠨ ᠢ ᠲᠥᠯᠦᠭᠡᠯᠡᠵᠦ᠂ ᠡᠯ᠎ᠡ ᠠᠵᠢᠯ ᠤᠨ ᠹᠷᠤᠨᠲ ᠲᠡᠭᠡᠷ᠎ᠡ ᠰᠢᠷᠭᠠᠭᠤ ᠠᠵᠢᠯᠯᠠᠵᠦ ᠪᠠᠶᠢᠭ᠎ᠠ ᠺᠠᠳ᠋ᠷ ᠤᠯᠠᠨ ᠲᠦᠮᠡᠨ᠂ ᠵᠠᠰᠠᠭ ᠤᠨ ᠤᠷᠳᠤᠨ ᠤ ᠠᠵᠢᠯ ᠢ ᠪᠠᠶᠢᠩᠭᠤ ᠬᠠᠯᠠᠮᠵᠢᠯᠠᠨ ᠲᠡᠮᠵᠢᠵᠦ ᠪᠠᠶᠢᠭ᠎ᠠ ᠠᠷᠠᠳ ᠤᠨ ᠲᠥᠯᠦᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ᠂ ᠠᠵᠢᠯ ᠠᠴᠠ ᠪᠠᠨ ᠠᠮᠠᠷᠠᠵᠦ ᠪᠠᠭᠤᠭᠰᠠᠨ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠷ ᠵᠢᠴᠢ ᠤᠶᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠥᠯᠦᠭ ᠤᠨ ᠪᠤᠰᠤ ᠬᠦᠮᠥᠰ᠂ ᠡᠯ᠎ᠡ ᠠᠷᠠᠳ ᠤᠨ ᠪᠥᠯᠬᠦᠮ᠂ ᠮᠠᠨ ᠤ ᠬᠤᠰᠢᠭᠤᠨ ᠳᠠᠬᠢ ᠴᠡᠷᠢᠭ ᠪᠠᠶᠢᠯᠳᠤᠭᠴᠢ ᠪᠤᠯᠤᠨ ᠲᠤᠳᠤᠭᠠᠲᠦ ᠶᠢ ᠬᠠᠮᠠᠭᠠᠯᠠᠬᠤ ᠴᠠᠭᠳᠠᠭ᠎ᠠ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠭᠡᠲᠦ ᠬᠦᠨᠳᠦᠳᠬᠡᠯ ᠢᠶᠠᠨ ᠲᠡᠪᠰᠢᠬᠦᠯᠤᠶ᠎ᠡ︕     ᠦᠩᠭᠡᠷᠡᠭᠰᠡᠨ ᠢᠶᠠᠨ ᠳ᠋ᠦᠩᠨᠡᠵᠦ᠂ ᠢᠷᠡᠭᠡᠳᠦᠢ ᠪᠠᠨ ᠪᠠᠷᠠᠯᠠᠬᠤᠶ᠎ᠠ᠂ ᠲᠤᠬᠢᠶᠠᠯ ᠪᠠ ᠥᠷᠢᠰᠦᠯᠳᠦᠭᠡᠨ ᠬᠠᠮᠲᠦ ᠤᠷᠤᠰᠢᠵᠦ ᠪᠠᠶᠢᠨ᠎ᠠ᠃ ᠤᠯᠤᠰ ᠠᠴᠠ ᠪᠠᠷᠠᠭᠤᠨ ᠤ ᠨᠡᠭᠡᠭᠡᠨ ᠬᠦᠭᠵᠢᠬᠦᠯᠦᠯᠳᠡ ᠶᠢ ᠴᠢᠨᠠᠭᠰᠢᠳᠠ ᠬᠦᠨᠵᠡᠭᠡᠶᠢᠷᠡᠬᠦᠯᠵᠦ ᠂ ᠵᠡᠬᠦᠨ ᠬᠤᠶᠢᠲᠦ ᠶᠢᠨ ᠠᠵᠦ ᠠᠬᠤᠢ ᠶᠢ ᠰᠡᠷᠬᠦᠨ ᠮᠠᠨᠳᠤᠭᠤᠯᠬᠤ᠂ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ ᠬᠠᠮᠳᠤᠷᠠᠨ ᠬᠦᠭᠵᠢᠬᠦ᠂ ᠡᠷᠢᠶᠠᠨ ᠬᠤᠳᠠ ᠶᠢᠨ ᠤᠯᠤᠰ ᠤᠨ ᠭᠤᠤᠯᠳᠠᠯᠭ᠎ᠠ ᠲᠠᠢ ᠨᠡᠭᠡᠭᠡᠯᠳᠡ ᠬᠢᠬᠦ ᠲᠤᠷᠰᠢᠯᠳᠠ ᠶᠢᠨ ᠤᠷᠤᠨ ᠵᠡᠷᠭᠡ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠵᠦ᠂ ᠬᠢᠯᠢ ᠬᠢᠵᠠᠭᠠᠷ ᠤᠨ ᠴᠦᠭᠡᠨ ᠲᠤᠭᠠᠲᠦ ᠦᠨᠳᠦᠰᠦᠳᠡᠨ ᠤ ᠤᠷᠤᠨ ᠤ ᠬᠦᠭᠵᠢᠯᠳᠡ ᠶᠢ ᠶᠡᠬᠡᠪᠡᠷ ᠲᠡᠮᠵᠢᠵᠦ᠂ ᠬᠦᠬᠡᠬᠤᠳᠠ ᠪᠤᠭᠤᠲᠦ ᠤᠷᠳᠤᠰ ᠪᠠ ᠰᠢᠯᠢᠨᠬᠤᠳᠠ ᠤᠯᠠᠭᠠᠨᠬᠠᠳᠠ ᠲᠦᠩᠯᠢᠶᠤᠤ ᠶᠢᠨ ᠠᠵᠦ ᠠᠬᠤᠢ   ᠶᠢᠨ ᠲᠤᠭᠤᠷᠢᠭ ᠤᠨ ᠪᠠᠶᠢᠭᠤᠯᠤᠯᠳᠠ  ᠶᠢ ᠠᠬᠢᠭᠤᠯᠵᠦ᠂ ᠬᠠᠩᠭᠠᠯᠭ᠎ᠠ ᠶᠢᠨ ᠲᠠᠯ᠎ᠠ ᠪᠠᠷ ᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠶᠢ ᠲᠦᠯᠬᠢᠨ ᠠᠬᠢᠭᠤᠯᠵᠦ᠂ ᠬᠦᠭᠵᠢᠯᠳᠡ ᠶᠢᠨ ᠲᠤᠳᠠᠭᠤᠳᠠᠯ ᠢᠶᠠᠨ ᠤᠯᠠᠮ ᠨᠢᠭᠡ ᠠᠯᠬᠤᠮ ᠨᠥᠬᠦᠪᠦᠷᠢᠯᠡᠬᠦ ᠪᠤᠯᠤᠨ᠎ᠠ᠃ ᠡᠳᠡᠭᠡᠷ ᠲᠦᠷᠦ ᠶᠢᠨ ᠪᠤᠳᠤᠯᠭ᠎ᠠ ᠠᠷᠭ᠎ᠠ ᠪᠠᠷᠢᠯ ᠨᠢ ᠮᠠᠨ ᠤ ᠬᠤᠰᠢᠭᠤᠨ ᠤ ᠲᠦᠷᠭᠡᠨ ᠬᠦᠭᠵᠢᠯᠳᠡ ᠳᠤ ᠬᠤᠪᠤᠷ ᠲᠤᠬᠢᠶᠠᠯ ᠤᠯᠭᠤᠭᠰᠠᠨ ᠪᠠᠶᠢᠨ᠎ᠠ᠃ ᠦᠷ᠎ᠡ ᠪᠥᠲᠦᠮᠵᠢ ᠪᠠ ᠲᠤᠷᠰᠢᠯᠭ᠎ᠠ ᠪᠠᠨ ᠳ᠋ᠦᠩᠨᠡᠬᠦ ᠶᠢᠨ ᠬᠠᠮᠲᠦ ᠪᠢᠳᠠ ᠠᠵᠢᠯ ᠤᠨ ᠲᠤᠮᠳᠠ ᠤᠷᠤᠰᠢᠵᠦ ᠪᠠᠶᠢᠭ᠎ᠠ ᠨᠢᠭᠡ ᠪᠥᠯᠦᠭ ᠬᠦᠴᠢᠷ ᠠᠰᠠᠭᠤᠳᠠᠯ ᠢ ᠤᠯᠵᠦ ᠬᠠᠷᠠᠪᠠ᠃ ᠶᠡᠷᠦᠩᠬᠡᠶᠢᠯᠡᠪᠡᠯ᠄ ᠠᠵᠦ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠦ ᠤᠶᠢᠯᠡᠰ ᠤᠨ ᠲᠡᠰ ᠲᠤᠤᠷ᠎ᠠ᠂ ᠠᠵᠦ ᠤᠶᠢᠯᠡᠳᠪᠦᠷᠢ ᠶᠢᠨ ᠬᠦᠭᠵᠢᠯᠳᠡ ᠶᠢᠨ ᠨᠥᠭᠡᠴᠡ ᠬᠦᠷᠦᠯᠴᠡᠬᠦ ᠦᠭᠡᠢ᠃ ᠬᠤᠳᠠ ᠶᠢᠨ ᠴᠢᠳᠠᠪᠬᠢ ᠶᠢ ᠲᠡᠭᠦᠯᠳᠡᠷᠵᠢᠬᠦᠯᠬᠦ ᠴᠢᠬᠤᠯᠠᠲᠠᠢ᠂ ᠦᠵᠡᠰᠬᠦᠯᠡᠩᠲᠦ ᠬᠦᠳᠡᠭᠡ ᠲᠤᠰᠬᠤᠨ ᠤ ᠪᠥᠲᠦᠭᠡᠨ ᠪᠠᠶᠢᠭᠤᠯᠤᠯᠳᠠ ᠶᠢᠨ ᠡᠭᠦᠷᠭᠡ ᠬᠦᠨᠲᠦ ᠪᠠᠶᠢᠭᠰᠠᠭᠠᠷ᠃ ᠡᠬᠢ ᠪᠠᠶᠠᠯᠢᠭ ᠤᠷᠴᠢᠨ ᠲᠤᠭᠤᠷᠢᠨ ᠢ ᠬᠠᠮᠠᠭᠠᠯᠠᠬᠤ ᠳᠠᠷᠤᠯᠳᠠ ᠶᠡᠭᠡ᠂ ᠡᠨᠧᠷᠬᠢ ᠠᠷᠪᠢᠯᠠᠨ ᠪᠤᠬᠢᠷᠳᠤᠯ ᠪᠠᠭᠠᠰᠬᠠᠬᠤ ᠡᠭᠦᠷᠭᠡ ᠪᠡᠷᠬᠡ ᠬᠠᠳᠠᠭᠤᠵᠢᠯᠲᠠᠢ ᠪᠠᠶᠢᠭᠰᠠᠭᠠᠷ᠃ ᠲᠤᠭᠳᠠᠭᠰᠠᠨ ᠬᠤᠭᠤᠴᠠᠭᠠᠨ ᠳᠤ ᠶᠠᠳᠠᠭᠤ ᠠᠩᠬᠢᠵᠢᠷᠠᠭᠤᠯᠬᠤ ᠠᠵᠢᠯ ᠤᠨ ᠴᠠᠭ ᠪᠠᠴᠢᠮ᠂ ᠡᠭᠦᠷᠭᠡ ᠬᠦᠨᠲᠦ᠂ ᠡᠳ᠋ ᠤᠨ ᠵᠠᠰᠠᠭ ᠤᠨ ᠭᠠᠶᠢᠯᠢ ᠶᠢᠨ ᠤᠷᠤᠯᠭ᠎ᠠ ᠵᠠᠷᠤᠯᠭ᠎ᠠ ᠶᠢᠨ ᠵᠥᠷᠢᠶ᠎ᠡ ᠶᠡᠭᠡ᠂ ᠵᠠᠰᠠᠭ ᠤᠨ ᠤᠷᠳᠤᠨ ᠤ ᠡᠷᠬᠡᠲᠦ ᠰᠠᠯᠠᠭ᠎ᠠ ᠮᠦᠴᠢᠷ ᠤᠨ ᠠᠵᠢᠯ ᠤᠨ ᠬᠡᠪ ᠰᠤᠷᠳᠠᠯ ᠢ ᠴᠢᠩᠭᠠᠳᠬᠠᠬᠤ ᠴᠢᠬᠤᠯᠠᠲᠠᠢ ᠵᠡᠷᠭᠡ ᠠᠰᠠᠭᠤᠳᠠᠯ ᠤᠷᠤᠰᠢᠵᠦ ᠪᠤᠢ᠃ ᠡᠳᠡᠭᠡᠷ ᠠᠰᠠᠭᠤᠳᠠᠯ ᠢ ᠪᠢᠳᠠ ᠡᠷᠬᠡᠪᠰᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠨ᠂ ᠬᠢᠨᠠᠮᠠᠭᠠᠢ ᠰᠤᠳᠤᠯᠵᠦ᠂ ᠯᠠᠪᠳᠠᠭᠤᠨ ᠠᠷᠭᠠᠴᠠᠭᠠᠨ᠂ ᠵᠤᠷᠪᠤᠰᠯᠠᠨ ᠰᠢᠢᠳᠪᠤᠷᠢᠯᠡᠵᠦ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠦ ᠬᠦᠰᠡᠷᠳᠡᠬᠦᠯᠵᠦ ᠪᠤᠯᠬᠤ ᠦᠭᠡᠢ᠃     ᠬᠤᠶᠠᠷ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠲᠡᠮᠡᠴᠡᠭᠦ ᠬᠠᠷᠠᠯᠳᠠ ᠪᠣᠯᠣᠨ ᠭᠤᠣᠯ ᠡᠭᠦᠷᠭᠡ     ︽ᠠᠷᠪᠠᠨ ᠭᠤᠷᠪᠠᠳᠣᠭᠠᠷ ᠲᠠᠪᠣᠨ ᠵᠢᠯ︾ ᠤᠨ ᠬᠤᠭᠤᠴᠠᠭ᠎ᠠ ᠪᠤᠯ ᠪᠦᠬᠦ ᠬᠤᠰᠢᠭᠤᠨ ᠤ ᠡᠯ᠎ᠡ ᠵᠤᠶᠢᠯ ᠤᠨ ᠳᠠᠪᠠᠭᠤᠯᠢᠭ ᠤᠨ ᠲᠠᠯᠳᠠ ᠬᠦᠴᠦᠨ ᠢ ᠪᠥᠲᠦᠮᠵᠢᠲᠠᠢ  ᠪᠠᠳᠠᠷᠠᠭᠤᠯᠬᠤ ᠬᠤᠭᠤᠴᠠᠭ᠎ᠠ ᠪᠤᠯᠤᠨ᠎ᠠ᠂ ᠬᠦᠴᠢᠷ ᠠᠰᠠᠭᠤᠳᠠᠯ  ᠢ ᠰᠢᠢᠳᠪᠤᠷᠢᠯᠡᠨ ᠲᠤᠳᠠᠭᠤᠳᠠᠯ ᠢᠶᠠᠨ ᠨᠥᠬᠦᠪᠦᠷᠢᠯᠡᠬᠦ ᠬᠠᠮᠤᠭ ᠲᠤᠯᠭᠠᠮ᠎ᠠ ᠬᠤᠭᠤᠴᠠᠭ᠎ᠠ ᠮᠥᠷᠳᠡᠭᠡᠨ᠂ ᠨᠡᠩ ᠴᠦ ᠴᠢᠨᠡᠭᠡᠯᠢᠭ ᠨᠡᠶᠢᠭᠡᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠪᠡᠶᠡᠯᠡᠬᠦᠯᠬᠦ ᠶᠢᠨ ᠰᠢᠢᠳᠪᠤᠷᠢᠲᠦ ᠴᠠᠭ ᠦᠶ᠎ᠡ ᠪᠤᠯᠤᠨ᠎ᠠ᠃ ᠬᠤᠰᠢᠭᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠤᠭᠡᠷ ᠤᠳᠠᠭᠠᠨ ᠤ ᠪᠦᠬᠦ ᠭᠡᠰᠢᠬᠦᠳ ᠤᠨ ︵ᠦᠷᠭᠡᠳᠬᠡᠭᠰᠡᠨ︶ ᠬᠤᠷᠠᠯ ᠤᠨ ᠵᠤᠷᠢᠭ ᠰᠠᠨᠠᠭ᠎ᠠ ᠪᠤᠯᠤᠨ ︽ᠰᠦᠨᠢᠳ ᠪᠠᠷᠠᠭᠤᠨ ᠬᠤᠰᠢᠭᠤᠨ ᠤ ᠤᠯᠤᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠬᠦᠯᠦᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠬᠦᠯᠭᠡ ᠶᠢᠨ ᠬᠥᠳᠤᠯᠪᠤᠷᠢ︾ ᠶᠢᠨ ᠶᠤᠰᠤᠭᠠᠷ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠬᠤᠭᠤᠴᠠᠭᠠᠨ ᠳᠠᠬᠢ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠭᠤᠣᠯ ᠵᠢᠱᠢᠭᠰᠡᠨ ᠬᠠᠷᠠᠯᠳᠠ ᠪᠣᠯ᠄ ︽ᠠᠷᠪᠠᠨ ᠭᠤᠷᠪᠠᠳᠣᠭᠠᠷ ᠲᠠᠪᠣᠨ ᠵᠢᠯ︾ ᠤᠨ ᠬᠤᠭᠤᠴᠠᠭᠠᠨ  ᠤ ᠡᠴᠦᠰ ᠪᠣᠯᠳᠠᠯ᠎ᠠ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 100 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠳᠤ ᠲᠤᠮᠳᠠᠴᠢ ᠪᠠᠷ 10.9% ᠪᠠᠷ ᠨᠡᠮᠡᠭᠳᠡᠭᠦᠯᠦᠨ᠎ᠡ᠃ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ 54 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠳᠤ ᠲᠤᠮᠳᠠᠴᠢ ᠪᠠᠷ 12% ᠢᠶᠠᠷ ᠨᠡᠮᠡᠭᠳᠡᠭᠦᠯᠦᠨ᠎ᠡ᠃ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 5 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠪᠦᠷᠢ 11% ᠪᠠᠷ ᠨᠡᠮᠡᠭᠳᠡᠬᠦᠯᠦᠨ᠎ᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ ᠲᠤᠰᠪᠤᠷᠢ 45400 ᠲᠦᠬᠦᠷᠢᠭ ᠪᠠ 14200 ᠲᠦᠬᠦᠷᠢᠭ ᠲᠤ ᠬᠦᠷᠭᠡᠵᠦ᠂ ᠵᠢᠯ ᠪᠦᠷᠢ 9% ᠪᠠ 11% ᠪᠠᠷ ᠨᠡᠮᠡᠭᠳᠡᠬᠦᠯᠦᠨ᠎ᠡ︔ ᠨᠠᠶᠢᠬᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠭᠡᠮᠵᠢᠶ᠎ᠠ ᠶᠢ 26.7 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠪᠦᠷᠢ 11% ᠪᠠᠷ ᠨᠡᠮᠡᠭᠳᠡᠬᠦᠯᠦᠨ᠎ᠡ︔ ︽ᠬᠤᠶᠠᠷ ᠲᠤᠮᠤ ᠰᠠᠭᠤᠷᠢᠨ ᠭᠠᠵᠡᠷ︾ ︵ᠪᠦᠬᠦ ᠤᠯᠤᠰ ᠤᠨ ᠴᠠᠭᠢᠭᠤᠷᠳᠤ ᠮᠠᠩᠭᠠᠨ ᠤ ᠲᠡᠮᠦᠷᠯᠢᠭ ᠬᠠᠶᠢᠯᠤᠭᠤᠯᠬᠤ ᠴᠢᠬᠤᠯᠠ ᠰᠠᠭᠤᠷᠢᠨ ᠭᠠᠵᠡᠷ᠂ ᠪᠦᠬᠦ ᠤᠷᠤᠨ ᠤ ᠨᠤᠯᠤᠤᠷ ᠤᠨ ᠠᠵᠦ ᠦᠢᠯᠡᠰ ᠤᠨ ᠲᠦᠪᠯᠡᠷᠡᠭᠰᠡᠨ ᠴᠢᠬᠤᠯᠠ ᠰᠠᠭᠤᠷᠢᠨ ᠭᠠᠵᠡᠷ︶  ᠂ ︽ᠬᠤᠶᠠᠷ ᠲᠤᠮᠤ ᠬᠠᠯᠬᠠᠪᠴᠢ︾ ︵ᠤᠮᠠᠷᠠᠳᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠪᠠ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠤᠭᠳᠠᠭᠤᠨ ᠤ ᠬᠠᠯᠬᠠᠪᠴᠢ︶᠂ ︽ᠨᠢᠬᠡ ᠲᠤᠯᠬᠤ ᠴᠡᠭ︾ ︵ᠦᠪᠡᠷᠳᠡᠭᠡᠨ ᠵᠠᠰᠠᠬᠤ ᠤᠷᠤᠨ ᠤ ᠤᠮᠠᠷᠠᠰᠢ ᠨᠡᠭᠡᠭᠡᠯᠳᠡ ᠬᠢᠬᠦ ᠪᠠᠶᠢᠯᠳᠤᠬᠤ ᠪᠤᠳᠤᠯᠭ᠎ᠠ ᠶᠢᠨ ᠲᠤᠯᠬᠤ ᠴᠡᠭ︶ ᠢ ᠪᠠᠶᠢᠭᠤᠯᠤᠨ᠎ᠠ᠃ ᠲᠡᠭᠡᠷ᠎ᠡ ᠲᠤᠷᠡᠳᠤᠭᠰᠠᠠ ᠬᠠᠷᠠᠯᠳᠠ ᠶᠢ ᠪᠠᠶᠠᠯᠠᠬᠦᠯᠬᠦ ᠶᠢᠨ ᠲᠦᠯᠦᠬᠡ᠂ ᠢᠷᠡᠬᠦ ᠲᠠᠪᠤᠨ ᠵᠢᠯ ᠳᠤ ᠪᠢᠳᠡ ᠭᠤᠤᠯᠳᠠᠭᠤ ᠲᠤᠤᠷᠡᠬᠢ ᠬᠡᠳᠤᠨ ᠲᠠᠯ᠎ᠠ ᠶᠢᠨ ᠠᠵᠢᠯ ᠢ ᠰᠠᠶᠢᠳᠤᠷ ᠠᠳᠬᠤᠨ᠎ᠠ᠄     ᠨᠢᠬᠡ ᠳᠤ ᠡᠬᠦᠳᠤᠯᠳᠡ ᠬᠦᠭᠵᠢᠯᠳᠡ ᠶᠢ ᠪᠠᠷᠢᠮᠳᠠᠯᠠᠵᠦ᠂ ᠬᠦᠭᠵᠢᠯᠳᠡ ᠶᠢᠨ ᠬᠦᠳᠡᠯᠭᠡᠭᠴᠢ ᠬᠦᠴᠦᠨ ᠢ ᠨᠡᠮᠡᠭᠳᠡᠬᠦᠯᠦᠨ᠎ᠡ᠃ ᠵᠠᠰᠠᠭ ᠤᠨ ᠤᠷᠳᠤᠨ ᠪᠤᠯᠤᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠮᠳᠤᠷᠠᠯᠴᠠᠭᠠᠨ ᠤ ᠭᠡᠯᠪᠡᠷᠢ ᠳᠤ ᠰᠢᠨ᠎ᠡ ᠶᠢ ᠡᠬᠦᠳᠴᠦ᠂ ᠵᠠᠰᠠᠭ ᠤᠨ ᠤᠷᠳᠤᠨ ᠤ ᠴᠢᠨᠡᠷᠳᠡᠢ ᠪᠠᠳᠤᠯᠠᠭ᠎ᠠ ᠶᠢᠨ ᠪᠡᠯᠡ ᠮᠦᠩᠬᠦᠨ ᠤ ᠤᠷᠤᠭᠤᠯᠤᠯᠳᠠ ᠶᠢ ᠨᠡᠮᠡᠭᠳᠡᠬᠦᠯᠵᠦ᠂ ᠬᠤᠳᠠᠯᠳᠤᠭᠠᠨ ᠤ ᠪᠠᠩᠬᠢ ᠶᠢ ᠬᠦᠳᠦᠯᠦᠨ ᠵᠢᠯᠤᠭᠤᠳᠴᠦ ᠪᠠᠶᠢᠭᠠᠳ ᠢᠳᠡᠭᠡᠮᠵᠢᠳᠤ ᠵᠢᠬᠡᠯᠡᠯᠬᠡ ᠶᠢ ᠨᠡᠮᠡᠭᠳᠡᠬᠦᠯᠦᠨ᠂ ᠨᠡᠩ ᠤᠯᠠᠨ ᠨᠡᠶᠢᠬᠡᠮ ᠤᠨ ᠬᠦᠷᠦᠩᠭᠡ ᠶᠢ ᠰᠠᠭᠤᠷᠢ ᠲᠦᠬᠦᠭᠡᠷᠤᠮᠵᠢ ᠪᠤᠯᠤᠨ ᠨᠠᠶᠢᠳᠠ ᠶᠢᠨ ᠦᠢᠯᠡᠴᠢᠯᠡᠬᠡᠨ ᠤ ᠪᠠᠶᠢᠭᠤᠯᠤᠯᠳᠠ ᠳᠤ ᠤᠷᠤᠭᠤᠯᠬᠤ ᠪᠠᠷ ᠲᠠᠶᠢᠴᠢᠯᠠᠨ᠎ᠠ᠃ ᠰᠤᠶᠤᠯ ᠤᠨ ᠪᠠᠶᠢᠭᠤᠯᠤᠯ ᠤᠨ ᠵᠤᠬᠢᠴᠠᠮᠵᠢ ᠶᠢᠨ ᠰᠢᠨᠠᠴᠢᠯᠠᠯᠳᠠ ᠶᠢ ᠠᠬᠢᠭᠤᠯᠵᠦ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠢ ᠰᠤᠶᠤᠯ ᠤᠨ ᠠᠵᠢᠯᠯᠠᠭ᠎ᠠ ᠡᠷᠬᠢᠯᠡᠭᠴᠢ ᠠᠴᠠ ᠨᠢ ᠰᠤᠶᠤᠯ ᠬᠠᠮᠢᠶᠠᠷᠤᠭᠴᠢ ᠲᠠᠰᠢ ᠬᠤᠪᠢᠷᠠᠭᠤᠯᠵᠦ᠂ ᠰᠤᠶᠤᠯ ᠤᠨ ᠦᠢᠯᠡᠰ ᠢ ᠦᠷᠬᠦᠯᠵᠢᠯᠡᠨ ᠡᠷᠡᠬᠦᠯ ᠢᠶᠠᠷ ᠬᠦᠭᠵᠢᠬᠦᠯᠦᠨ᠎ᠡ᠃ ᠰᠢᠨ᠎ᠡ ᠶᠢ ᠡᠬᠦᠳᠬᠦ ᠬᠡᠯᠪᠡᠷᠢ ᠶᠢᠨ ᠡᠵᠡᠩᠨᠡᠨ ᠬᠠᠮᠢᠶᠠᠷᠤᠯᠳᠠ ᠶᠢᠨ ᠴᠢᠳᠠᠪᠤᠷᠢᠳᠠᠨ ᠪᠤᠯᠤᠨ ᠠᠵᠦ ᠦᠢᠯᠡᠰ ᠤᠨ ᠮᠡᠷᠭᠡᠵᠢᠯ ᠤᠨ ᠴᠢᠳᠠᠪᠤᠷᠢᠳᠠᠨ ᠢ ᠤᠷᠢᠨ ᠤᠷᠤᠭᠤᠯᠬᠤ ᠪᠠ ᠬᠦᠮᠦᠵᠢᠬᠦᠯᠬᠦ ᠶᠢ ᠴᠢᠬᠤᠯᠠᠴᠢᠯᠠᠵᠦ᠂ ᠠᠵᠦ ᠦᠢᠯᠡᠰ ᠤᠨ ᠬᠦᠭᠵᠢᠯᠳᠡ ᠳᠤ ᠴᠢᠳᠠᠪᠤᠷᠢᠳᠠᠨ ᠬᠠᠩᠭᠠᠨ᠎ᠠ᠃ ᠴᠢᠳᠠᠪᠤᠷᠢᠳᠠᠨ ᠢ ᠦᠨᠡᠯᠡᠬᠦ ᠪᠠ ᠵᠤᠷᠢᠭᠵᠢᠭᠤᠯᠬᠤ ᠵᠤᠬᠢᠴᠠᠮᠵᠢ ᠶᠢ ᠲᠡᠬᠦᠯᠳᠡᠷᠵᠢᠬᠦᠯᠵᠦ᠂ ᠠᠯᠪᠡᠨ ᠪᠠᠶᠢᠭᠤᠯᠭ᠎ᠠ ᠠᠵᠢᠯ ᠦᠢᠯᠡᠰ ᠤᠨ ᠨᠢᠬᠡᠴᠢ ᠶᠢᠨ ᠴᠢᠳᠠᠪᠤᠷᠢᠳᠠᠨ ᠢ ᠬᠦᠮᠦᠵᠢᠬᠦᠯᠬᠦ ᠶᠢ ᠴᠢᠬᠤᠯᠠᠴᠢᠯᠠᠵᠦ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ ᠤᠨ ᠴᠢᠳᠠᠪᠤᠷᠢᠳᠠᠨ ᠲᠤᠳᠠᠭᠳᠠᠵᠦ ᠪᠠᠶᠢᠭ᠎ᠠ ᠲᠤᠪᠤᠶᠢᠮ᠎ᠡ ᠠᠰᠠᠭᠤᠳᠠᠯ ᠢ ᠴᠢᠷᠮᠡᠶᠢᠨ ᠰᠢᠢᠳᠪᠤᠷᠢᠯᠠᠵᠦ᠂ ᠴᠢᠳᠠᠪᠤᠷᠢᠳᠠᠨ ᠤ ᠬᠤᠷᠠᠮᠳᠤᠯ ᠢ ᠠᠬᠢᠭᠤᠯᠤᠨ᠎ᠠ᠃     ᠬᠤᠶᠡᠷ ᠲᠤ ᠵᠤᠬᠢᠴᠠᠩᠭᠤᠢ ᠬᠦᠭᠵᠢᠯᠳᠡ ᠶᠢ ᠪᠠᠷᠢᠮᠳᠠᠯᠠᠵᠦ᠂ ᠦᠷᠬᠦᠯᠵᠢᠯᠡᠬᠦᠶᠢᠴᠡ ᠬᠦᠭᠵᠢᠯᠳᠡ ᠶᠢᠨ ᠬᠢᠷᠢ ᠲᠦᠪᠰᠢᠨ ᠢ ᠴᠢᠷᠮᠡᠶᠢᠨ ᠲᠡᠭᠡᠭᠰᠢᠯᠡᠬᠦᠯᠦᠨ᠎ᠡ᠃ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠭᠠᠵᠡᠷ᠂ ᠰᠦᠨᠢᠳ ᠬᠤᠨᠢᠨ ᠤ ᠪᠠᠷᠢᠮᠵᠢᠶᠠᠵᠢᠭᠰᠠᠨ ᠲᠠᠵᠢᠬᠡᠨ ᠦᠷᠡᠵᠢᠬᠦᠯᠬᠦ ᠰᠠᠭᠤᠷᠢᠨ ᠭᠠᠵᠡᠷ ᠪᠤᠯᠤᠨ ᠰᠦᠨᠢᠳ ᠬᠤᠤᠰ ᠪᠦᠬᠦᠳᠤ ᠲᠡᠮᠡᠬᠡᠨ ᠤ ᠡᠬᠦᠯᠳᠡᠷ ᠢ ᠬᠠᠮᠠᠭᠠᠯᠠᠬᠤ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢᠨ ᠲᠤᠭᠤᠷᠢᠨ ᠳᠤ᠂ ᠤᠯᠠᠮᠵᠢᠯᠠᠯᠳᠤ ᠮᠠᠯ ᠠᠵᠦ ᠠᠬᠤᠢ ᠶᠢ ᠤᠳᠤ ᠦᠶ᠎ᠠ ᠶᠢᠨ ᠮᠠᠯ ᠠᠵᠦ ᠠᠬᠤᠢ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ︽ᠠᠷᠪᠡᠨ ᠭᠤᠷᠪᠡᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠰᠠᠬᠦᠯᠴᠢ ᠪᠤᠯᠬᠤ ᠳᠤ᠂ ᠨᠢᠬᠡᠳᠤᠭᠡᠷ ᠠᠵᠦ ᠦᠢᠯᠡᠰ ᠤᠨ ᠨᠡᠮᠡᠭᠳᠡᠯ ᠦᠷᠳᠡᠭ ᠢ 7.2 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠪᠦᠷᠢ 7.1% ᠪᠠᠷ ᠨᠡᠮᠡᠭᠳᠡᠬᠦᠯᠦᠨ᠎ᠡ᠃ ︽ᠨᠡᠬᠦᠷᠡᠰᠤ ᠴᠠᠬᠢᠯᠭᠠᠨ ᠤ ᠠᠵᠦ ᠦᠢᠯᠡᠰ ᠤᠨ ᠨᠢᠬᠡ ᠴᠤᠭᠴᠠᠵᠢᠯᠳᠠ︾ ᠶᠢ ᠡᠬᠦᠳᠬᠦ᠂ ᠪᠦᠬᠦ ᠤᠯᠤᠰ ᠤᠨ ᠴᠠᠭᠢᠭᠤᠷᠳᠤ ᠮᠠᠩᠭᠠᠨ ᠤ ᠲᠡᠮᠦᠷᠯᠢᠭ ᠬᠠᠶᠢᠯᠤᠭᠤᠯᠬᠤ ᠴᠢᠬᠤᠯᠠ ᠰᠠᠭᠤᠷᠢᠨ ᠭᠠᠵᠡᠷ ᠢ ᠪᠠᠶᠢᠭᠤᠯᠬᠤ᠂ ᠪᠦᠬᠦ ᠤᠷᠤᠨ ᠤ ᠨᠤᠯᠤᠤᠷ ᠤᠨ ᠠᠵᠦ ᠦᠢᠯᠡᠰ ᠤᠨ ᠲᠦᠪᠯᠡᠷᠡᠬᠦᠯᠦᠨ ᠲᠠᠷᠬᠠᠭᠠᠬᠤ ᠴᠢᠬᠤᠯᠠ ᠰᠠᠭᠤᠷᠢᠨ ᠭᠠᠵᠡᠷ ᠢ ᠪᠠᠶᠢᠭᠤᠯᠬᠤ ᠵᠡᠷᠭᠡ ᠠᠵᠦ ᠦᠢᠯᠡᠰ ᠤᠨ ᠡᠵᠡᠩᠨᠡᠯᠳᠡ  ᠶᠢᠨ ᠬᠠᠨᠳᠤᠯᠭ᠎ᠠ ᠶᠢᠨ ᠲᠤᠭᠤᠷᠢᠨ ᠳᠤ᠂ ᠠᠵᠦ ᠦᠢᠯᠡᠳᠪᠤᠷᠢ ᠶᠢᠨ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠭᠡᠯᠪᠡᠷᠢ ᠶᠢ ᠲᠦᠷᠭᠡᠨ ᠬᠤᠪᠢᠷᠠᠭᠤᠯᠵᠦ᠂ ᠮᠡᠨ ᠤ ᠬᠤᠰᠢᠭᠤᠨ ᠤ ᠪᠠᠨ ᠪᠠᠶᠢᠳᠠᠯ ᠳᠤ ᠨᠠᠶᠢᠴᠡᠭᠰᠡᠨ ᠰᠢᠨ᠎ᠡ ᠬᠡᠯᠪᠡᠷᠢ  ᠶᠢᠨ ᠠᠵᠦ ᠦᠢᠯᠡᠳᠪᠤᠷᠢᠵᠢᠯᠳᠡ ᠶᠢᠨ ᠵᠡᠮ ᠢᠶᠠᠷ ᠵᠠᠮᠨᠠᠨ᠎ᠠ᠃ 2020 ᠤᠨ ᠪᠤᠯᠬᠤ ᠳᠤ᠂ ᠠᠵᠦ ᠦᠢᠯᠡᠳᠪᠤᠷᠢ ᠶᠢᠨ ᠨᠡᠮᠡᠭᠳᠡᠯ ᠦᠷᠳᠡᠭ ᠢ 54 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠪᠦᠷᠢ 8.3% ᠪᠠᠷ ᠨᠡᠮᠡᠭᠳᠡᠬᠦᠯᠦᠨ᠎ᠡ᠃ ᠤᠷᠤᠨ ᠨᠤᠳᠤᠭ ᠤᠨ ᠦᠢᠯᠡᠳᠪᠤᠷᠢᠯᠠᠯ ᠤᠨ ᠶᠡᠷᠦᠩᠭᠡᠢ ᠦᠷᠳᠡᠭ ᠲᠠᠬᠢ ᠡᠵᠡᠯᠡᠬᠦ ᠬᠠᠷᠢᠴᠠᠯ ᠢ 54% ᠳᠤ ᠬᠦᠷᠭᠡᠨ᠎ᠡ᠃ ᠨᠤᠯᠤᠤᠷ ᠤᠨ ᠠᠵᠦ ᠦᠢᠯᠡᠰ ᠤᠨ ᠲᠤᠭᠤᠷᠢᠭ ᠤᠨ ᠪᠦᠬᠦ ᠦᠢᠯᠡᠳᠬᠦᠨ ᠤ ᠦᠷᠳᠡᠭ ᠢ 300 ᠳ᠋ᠦᠩᠰᠢᠭᠤᠷ ᠲᠦᠬᠦᠷᠢᠭ ᠲᠤ ᠬᠦᠷᠭᠡᠨ᠎ᠡ᠃ ᠤᠯᠠᠮᠵᠢᠯᠠᠯᠳᠤ ᠦᠢᠯᠡᠴᠢᠯᠠᠬᠡᠨ ᠤ ᠦᠢᠯᠡᠰ ᠤᠨ ᠡᠵᠡᠩᠨᠡᠯᠳᠡ ᠶᠢᠨ ᠭᠡᠪᠴᠢᠶ᠎ᠠ ᠶᠢ ᠦᠷᠬᠦᠯᠵᠢᠯᠡᠨ ᠦᠷᠭᠡᠳᠭᠡᠵᠦ᠂ ᠦᠢᠯᠡᠴᠢᠯᠠᠬᠡᠨ ᠤ ᠦᠢᠯᠡᠰ ᠤᠨ ᠴᠢᠳᠠᠪᠬᠢ ᠶᠢ ᠲᠡᠬᠦᠯᠳᠡᠷᠵᠢᠬᠦᠯᠵᠦ᠂ ᠲᠡᠶᠢᠴᠢᠯᠠᠯᠳᠠ ᠶᠢᠨ ᠬᠦᠴᠦᠨ ᠢ ᠲᠡᠭᠡᠭᠰᠢᠯᠡᠬᠦᠯᠦᠨ᠎ᠡ᠃ ᠢᠨᠲ᠋ᠧᠷ ᠰᠦᠯᠵᠢᠶ᠎ᠠ + ᠰᠢᠨ᠎ᠡ ᠭᠡᠯᠪᠡᠷᠢ ᠶᠢᠨ ᠦᠢᠯᠡᠴᠢᠯᠠᠬᠡᠨ ᠤ ᠦᠢᠯᠡᠰ ᠤᠨ ᠬᠦᠭᠵᠢᠯᠳᠡ ᠶᠢ ᠬᠦᠴᠦᠳᠡᠢ ᠲᠡᠮᠵᠢᠵᠦ᠂ ᠡᠳ᠋ ᠪᠠᠷᠠᠭᠠᠨ ᠤ ᠬᠦᠢᠯᠬᠡᠬᠡᠨ ᠤ ᠦᠢᠯᠡᠰ ᠪᠤᠯᠤᠨ ᠵᠢᠭᠤᠯᠴᠢᠯᠠᠯ ᠤᠨ ᠦᠢᠯᠡᠰ ᠤᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠭᠤᠷᠪᠡᠳᠤᠭᠠᠷ ᠠᠵᠦ ᠦᠢᠯᠡᠰ  ᠤᠨ ᠨᠡᠮᠡᠭᠳᠡᠯ ᠦᠷᠳᠡᠭ ᠢ 33.8 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠪᠦᠷᠢ 18.3% ᠪᠠᠷ ᠨᠡᠮᠡᠭᠳᠡᠬᠦᠯᠦᠨ᠎ᠡ᠃ ᠡᠳ᠋ ᠪᠠᠷᠠᠭᠠᠨ ᠤ ᠬᠦᠢᠯᠬᠡᠬᠡᠨ ᠤ ᠶᠡᠷᠦᠩᠭᠡᠢ ᠬᠡᠮᠵᠢᠶ᠎ᠠ ᠶᠢ 1500 ᠲᠦᠮᠡᠨ ᠲᠤᠨ ᠳᠤ ᠬᠦᠷᠭᠡᠵᠦ ᠂ ᠵᠢᠭᠤᠯᠴᠢᠯᠠᠯ ᠤᠨ ᠤᠷᠤᠯᠭ᠎ᠠ ᠶᠢ 1 ᠳ᠋ᠦᠩᠰᠢᠭᠤᠷ ᠲᠦᠬᠦᠷᠢᠭ ᠲᠤ ᠬᠦᠷᠭᠡᠵᠦ᠂ ᠵᠢᠯ ᠪᠦᠷᠢ 12% ᠢᠶᠠᠷ ᠨᠡᠮᠡᠭᠳᠡᠬᠦᠯᠦᠨ᠎ᠡ᠃ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠤᠭᠡᠨ ᠪᠠᠶᠢᠭᠤᠯᠤᠯᠳᠠ ᠶᠢ ᠢᠳᠡᠪᠬᠢᠳᠡᠢ ᠲᠦᠯᠬᠢᠨ ᠠᠬᠢᠭᠤᠯᠵᠦ᠂ ᠬᠤᠳᠠ ᠶᠢᠨ ᠰᠠᠭᠤᠷᠢ ᠲᠦᠬᠦᠭᠡᠷᠤᠮᠵᠢ ᠶᠢ ᠲᠡᠬᠦᠯᠳᠡᠷᠵᠢᠬᠦᠯᠵᠦ᠂ ᠬᠤᠳᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠰᠠᠶᠢᠬᠠᠨᠳᠠᠯ᠎ᠠ ᠪᠠᠯᠭᠠᠰᠤᠨ ᠤ ᠬᠤᠳᠠ ᠪᠠᠯᠭᠠᠰᠤᠵᠢᠯᠳᠠ ᠶᠢᠨ ᠨᠤᠷᠮ᠎ᠡ ᠶᠢ 73% ᠳᠤ ᠬᠦᠷᠭᠡᠵᠦ᠂ ᠪᠤᠵᠡᠷ ᠤᠰᠤ ᠰᠢᠢᠳᠪᠤᠷᠢᠯᠡᠭᠰᠡᠨ ᠨᠤᠷᠮ᠎ᠡ ᠶᠢ 90% ᠳᠤ ᠬᠦᠷᠭᠡᠨ᠎ᠡ᠃     ᠭᠤᠷᠪᠡ ᠳᠤ ᠪᠤᠬᠢᠷᠳᠤᠯ ᠦᠬᠡᠢ ᠬᠦᠭᠵᠢᠯᠳᠡ ᠶᠢ ᠪᠠᠷᠢᠮᠳᠠᠯᠠᠵᠦ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ︽ᠠᠮᠢ ᠠᠬᠤᠢ ᠪᠠᠷ ᠬᠤᠰᠢᠭᠤ ᠪᠠᠨ ᠪᠠᠶᠢᠭᠤᠯᠬᠤ︾ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠲᠤᠭᠳᠠᠭᠠᠵᠦ᠂ ᠲᠠᠯ᠎ᠠ ᠨᠤᠳᠤᠭ ᠤᠨ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠴᠢᠩᠭᠠᠳᠬᠠᠨ᠎ᠠ᠃ ᠪᠡᠭᠡᠵᠢᠩ ᠲᠢᠶᠠᠨᠵᠢᠨ ᠤ ᠰᠡᠯᠬᠢ ᠡᠯᠡᠰᠤᠨ ᠤ ᠡᠬᠢ  ᠶᠢ ᠵᠠᠰᠠᠬᠤ᠂ ᠠᠮᠢ ᠠᠬᠤᠢ ᠶᠢᠨ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ ᠵᠡᠷᠭᠡ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠶᠢᠨ ᠢᠨᠵᠧᠨᠧᠷᠢᠩ ᠢ ᠭᠤᠤᠯᠳᠠᠯᠭ᠎ᠠ ᠲᠠᠢ ᠭᠡᠷᠡᠭᠵᠢᠬᠦᠯᠵᠦ᠂ ᠪᠠᠯᠴᠢᠬᠡᠷᠯᠡᠬᠦᠯᠬᠦ ᠶᠢ ᠵᠤᠭᠰᠤᠭᠠᠨ ᠰᠠᠯᠬᠦᠨ ᠮᠠᠯᠵᠢᠬᠤ ᠪᠠ ᠮᠠᠯ ᠪᠠᠯᠴᠢᠬᠡᠷ ᠢ ᠲᠡᠩᠴᠡᠬᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠭᠡᠷᠡᠭᠵᠢᠬᠦᠯᠦᠨ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠤᠷᠢ ᠶᠢᠨ ᠵᠤᠬᠢᠴᠠᠮᠵᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠠᠷᠪᠡᠨ ᠭᠤᠷᠪᠡᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠳᠤ᠂ 30 ᠲᠦᠮᠡᠨ ᠮᠤ᠋ ᠳᠤ ᠨᠢᠰᠬᠡᠯ ᠢᠶᠠᠷ ᠤᠶᠢᠵᠢᠭᠤᠯᠤᠯᠳᠠ ᠬᠢᠵᠦ᠂ 20 ᠲᠦᠮᠡᠨ ᠮᠤ᠋ ᠳᠤ ᠡᠯᠡᠰᠤ ᠶᠢ ᠪᠢᠳᠡᠬᠦᠮᠵᠢᠯᠡᠨ ᠤᠶᠢᠵᠢᠭᠤᠯᠤᠯᠳᠠ ᠬᠢᠨ᠎ᠡ᠃ ᠪᠦᠬᠦ ᠬᠤᠰᠢᠭᠤᠨ ᠤ ᠤᠢ ᠰᠢᠭᠤᠢ ᠶᠢᠨ ᠪᠦᠷᠬᠦᠴᠡ ᠶᠢᠨ ᠨᠤᠷᠮ᠎ᠡ ᠶᠢ 9.45% ᠳᠤ ᠬᠦᠷᠭᠡᠨ᠎ᠡ᠃ ᠰᠠᠯᠬᠢᠨ ᠬᠦᠴᠦᠨ ᠤ ᠴᠡᠬᠢᠯᠭᠠᠨ᠂ ᠨᠡᠷᠡᠨ ᠡᠨᠧᠷᠬᠢ ᠶᠢᠨ ᠴᠡᠬᠢᠯᠭᠠᠨ ᠵᠡᠷᠭᠡ ᠪᠤᠬᠢᠷᠳᠤᠯ ᠦᠬᠡᠢ ᠴᠡᠪᠡᠷ ᠡᠨᠧᠷᠬᠢ ᠶᠢ ᠶᠡᠬᠡᠪᠡᠷ ᠬᠦᠭᠵᠢᠬᠦᠯᠵᠦ᠂ ᠡᠷᠢᠶᠠᠨ ᠬᠤᠳᠠ ᠶᠢᠨ ᠰᠢᠨ᠎ᠡ ᠡᠨᠧᠷᠬᠢ ᠶᠢᠨ ᠪᠢᠴᠢᠯ ᠴᠠᠬᠢᠯᠭᠠᠨ ᠲᠤᠤᠷ ᠤᠨ ᠵᠢᠱᠢᠶ᠎ᠠ ᠦᠵᠡᠬᠦᠯᠬᠦ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ  ᠶᠢ ᠢᠳᠡᠪᠬᠢᠳᠡᠢ ᠲᠦᠯᠬᠢᠨ ᠠᠬᠢᠭᠤᠯᠵᠦ᠂ 2020 ᠤᠨ ᠪᠤᠯᠬᠤ ᠳᠤ᠂ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠶᠡᠷᠦᠩᠭᠡᠢ ᠪᠠᠭᠳᠠᠭᠠᠮᠵᠢ ᠶᠢ 200 ᠲᠦᠮᠡᠨ ᠺᠢᠯᠤᠸᠡᠲ ᠲᠤ ᠬᠦᠷᠭᠡᠨ᠎ᠡ᠃ ᠭᠠᠵᠡᠷ ᠰᠢᠷᠦᠢ ᠶᠢᠨ ᠠᠰᠢᠭᠯᠠᠯᠳᠠ ᠶᠢᠨ ᠶᠡᠷᠦᠩᠭᠡᠢ ᠲᠦᠯᠦᠪᠵᠢᠬᠦᠯᠬᠡ ᠶᠢ ᠴᠢᠩᠭ᠎ᠠ ᠭᠡᠷᠡᠭᠵᠢᠬᠦᠯᠵᠦ᠂ ᠭᠠᠵᠡᠷ ᠰᠢᠷᠦᠢ ᠶᠢᠨ ᠭᠠᠮᠨᠠᠯᠳᠠ ᠶᠢ ᠡᠷᠴᠢᠮᠵᠢᠬᠦᠯᠦᠨ᠎ᠡ᠃ ᠬᠠᠮᠤᠭ ᠴᠢᠩᠭ᠎ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ ᠢ ᠭᠡᠷᠡᠭᠵᠢᠬᠦᠯᠵᠦ᠂ ᠠᠭᠠᠷ ᠮᠠᠨᠳᠠᠯ᠂ ᠤᠰᠤ᠂ ᠬᠦᠷᠦᠰᠦ ᠰᠢᠷᠦᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠯᠦᠪᠯᠡᠭᠡ ᠶᠢ ᠬᠦᠨᠵᠡᠬᠡᠢ ᠬᠡᠷᠡᠭᠵᠢᠬᠦᠯᠵᠦ᠂ ᠪᠤᠬᠢᠷᠳᠤᠯ ᠪᠤᠳᠠᠰ ᠢ ᠶᠡᠷᠦᠩᠭᠡᠶᠢᠯᠡᠨ ᠰᠡᠷᠭᠡᠶᠢᠯᠡᠨ ᠵᠠᠰᠠᠬᠤ ᠪᠠ ᠤᠷᠴᠢᠨ ᠲᠤᠭᠤᠷᠢᠨ ᠢ ᠵᠠᠰᠠᠬᠤ ᠠᠵᠢᠯ ᠢ ᠠᠬᠢᠭᠤᠯᠤᠨ᠎ᠠ᠃     ᠲᠦᠷᠪᠡ ᠳᠤ ᠨᠡᠭᠡᠭᠡᠯᠳᠡ ᠲᠠᠢ ᠬᠦᠭᠵᠢᠯᠳᠡ ᠶᠢ ᠪᠠᠷᠢᠮᠳᠠᠯᠠᠵᠦ᠂ ᠬᠠᠮᠳᠤᠷᠠᠠ ᠠᠵᠢᠯᠯᠠᠵᠦ ᠠᠮᠵᠢᠯᠳᠠ ᠤᠯᠬᠤ  ᠪᠠᠷ ᠴᠢᠷᠮᠡᠶᠢᠨ᠎ᠡ᠃ ︽ᠨᠢᠬᠡ ᠪᠦᠰᠡ ᠨᠢᠬᠡ ᠵᠡᠮ︾ ᠪᠤᠯᠤᠨ ᠤᠮᠠᠷᠠᠰᠢ ᠨᠡᠭᠡᠭᠡᠯᠳᠡ ᠬᠢᠬᠦ ᠪᠠᠶᠢᠯᠳᠤᠬᠤ ᠪᠤᠳᠤᠯᠭ᠎ᠠ ᠪᠠᠷ ᠂ ᠬᠦᠭᠵᠢᠭᠰᠡᠨ ᠭᠠᠵᠡᠷ ᠤᠷᠤᠨ ᠤ ᠠᠵᠦ ᠦᠢᠯᠡᠰ ᠤᠨ ᠦᠬᠡᠷᠡᠴᠢᠯᠠᠯᠳᠠ ᠲᠠᠢ ᠵᠤᠬᠢᠴᠠᠭᠤᠯᠵᠦ᠂ ᠠᠷᠠᠯᠵᠢᠶᠠᠴᠢᠨ ᠤᠷᠢᠵᠦ ᠪᠡᠯᠡ ᠤᠷᠤᠭᠤᠯᠬᠤ ᠠᠵᠢᠯ ᠢ ᠤᠯᠠᠨ ᠠᠷᠭ᠎ᠠ ᠵᠡᠮ ᠢᠶᠠᠷ᠂ ᠤᠯᠠᠨ ᠬᠦᠷᠢᠶ᠎ᠠ ᠭᠡᠪᠴᠢᠶ᠎ᠠ ᠲᠠᠰ ᠲᠠᠪᠬᠤᠷᠭ᠎ᠠ  ᠪᠠᠷ ᠦᠷᠨᠢᠬᠦᠯᠦᠨ᠎ᠡ᠃ ᠮᠠᠯ ᠤᠨ ᠠᠰᠢᠭ ᠰᠢᠮ᠎ᠡ ᠶᠢ ᠨᠠᠷᠢᠯᠢᠭ ᠪᠤᠯᠪᠠᠰᠤᠷᠠᠭᠤᠯᠬᠤ᠂ ᠲᠤᠨᠤᠭᠯᠠᠯ ᠦᠢᠯᠡᠳᠬᠦ ᠵᠡᠷᠭᠡ ᠲᠦᠷᠦᠯ ᠵᠦᠢᠯ ᠢ ᠭᠤᠤᠯᠳᠠᠯᠭ᠎ᠠ ᠲᠠᠢ ᠤᠷᠢᠨ ᠤᠷᠤᠭᠤᠯᠵᠦ᠂ ᠡᠬᠢ ᠪᠠᠶᠠᠯᠢᠭ ᠤᠨ ᠠᠰᠢᠭᠯᠠᠯᠳᠠ ᠶᠢ ᠬᠤᠪᠢᠷᠠᠭᠤᠯᠤᠨ ᠲᠡᠰ ᠲᠡᠪᠰᠢᠬᠦ ᠶᠢ ᠲᠦᠷᠭᠡᠳᠭᠡᠨ᠎ᠡ᠃ ᠬᠤᠶᠠᠷ ᠵᠦᠢᠯ ᠤᠨ ᠡᠬᠢ ᠪᠠᠶᠠᠯᠢᠭ᠂ ᠬᠤᠶᠠᠷ ᠵᠠᠬ᠎ᠠ ᠲᠡᠯᠭᠡᠬᠦᠷ ᠪᠤᠯᠤᠨ ᠡᠷᠢᠶᠠᠨ ᠬᠢᠯᠢ ᠶᠢᠨ ᠪᠤᠭᠤᠮᠳᠠ ᠪᠠ ᠡᠸᠦ᠋ᠷᠤᠫᠡ ᠠᠽᠢᠶ᠎ᠠ ᠶᠢᠨ ᠬᠠᠭᠤᠷᠠᠢ ᠵᠡᠮ ᠤᠨ ᠲᠠᠪᠠᠭᠤᠯᠢᠭ ᠢ ᠬᠦᠢᠴᠡᠳ ᠠᠰᠢᠭᠯᠠᠵᠦ᠂ ᠮᠤᠩᠭᠤᠯ ᠤᠯᠤᠰ ᠲᠠᠢ ᠰᠤᠶᠤᠯ ᠵᠢᠭᠤᠯᠴᠢᠯᠠᠯ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠨᠤᠤᠰᠤ ᠨᠤᠯᠤᠤᠷ ᠠᠷᠠᠰᠤ ᠰᠢᠷᠢ ᠵᠡᠷᠭᠡ ᠬᠦᠷᠢᠶ᠎ᠠ ᠭᠡᠪᠴᠢᠶᠠᠨ ᠳᠤ ᠬᠠᠮᠳᠤᠷᠠᠨ ᠠᠵᠢᠯᠯᠠᠵᠦ᠂ ᠮᠤᠩᠭᠤᠯ ᠤᠯᠤᠰ ᠲᠠᠬᠢ ᠡᠬᠢ ᠪᠠᠶᠠᠯᠢᠭ ᠢ ᠠᠰᠢᠭᠯᠠᠬᠤ ᠬᠢᠷᠢ ᠲᠦᠪᠰᠢᠨ   ᠢᠶᠠᠨ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃     ᠲᠠᠪᠤ ᠳᠤ ᠬᠦᠭᠵᠢᠯᠳᠡ ᠶᠢᠨ ᠦᠷ᠎ᠡ ᠪᠦᠳᠤᠭᠡᠯ ᠢ ᠬᠠᠮᠳᠤᠪᠡᠷ ᠡᠳ᠋ᠯᠠᠬᠦ ᠶᠢ ᠪᠡᠷᠢᠮᠳᠠᠯᠠᠵᠦ᠂ ᠠᠷᠠᠳ ᠲᠦᠮᠡᠨ ᠳᠤ ᠨᠠᠩ ᠶᠡᠭᠡ ᠵᠤᠯ ᠵᠢᠷᠭᠠᠯ ᠡᠳ᠋ᠯᠡᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠬᠢᠬᠦ ᠠᠵᠢᠯ ᠢ ᠰᠠᠶᠢᠳᠤᠷ ᠬᠢᠨ᠎ᠡ᠃ ︽ᠵᠢᠷᠭᠤᠭᠠᠨ ᠨᠠᠷᠢᠯᠢᠭ ᠤᠨᠤᠪᠴᠢᠳᠠᠢ︾ ᠶᠡᠷᠦᠩᠭᠡᠢ ᠱᠠᠭᠠᠷᠳᠠᠯᠭ᠎ᠠ ᠶᠤᠰᠤᠭᠠᠷ᠂ ︽ᠲᠠᠪᠤᠨ ᠨᠢᠬᠡ ᠪᠦᠯᠦᠭ︾ ᠢᠨᠵᠧᠨᠧᠷᠢᠩ ᠢ ᠰᠠᠶᠢᠳᠤᠷ ᠭᠡᠷᠡᠭᠵᠢᠬᠦᠯᠵᠦ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ ᠪᠠ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ 2019 ᠤᠨ ᠪᠤᠯᠬᠤ ᠳᠤ᠂ ᠶᠠᠳᠠᠭᠤ ᠬᠦᠴᠢᠷᠳᠡᠯᠳᠡᠢ ᠬᠤᠰᠢᠭᠤ ᠭᠡᠬᠦ ᠮᠠᠯᠠᠭᠠᠢ ᠪᠠᠨ ᠠᠪᠴᠦ ᠬᠠᠶᠠᠨ ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠴᠦᠮ ᠶᠠᠳᠠᠭᠤ ᠠᠴᠠ ᠨᠢ ᠠᠩᠬᠢᠵᠢᠷᠠᠭᠤᠯᠤᠨ᠎ᠠ᠃ ᠨᠠᠩ ᠢᠳᠡᠪᠬᠢᠳᠡᠢ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢ ᠭᠡᠷᠡᠭᠵᠢᠬᠦᠯᠵᠦ᠂ ᠠᠵᠢᠯ ᠤᠯᠭᠤᠬᠤ ᠴᠢᠳᠠᠪᠤᠷᠢ ᠪᠠᠷ ᠴᠢᠩᠭ᠎ᠠ ᠨᠡᠶᠢᠬᠡᠮ ᠤᠨ ᠦᠢᠯᠡᠴᠢᠯᠠᠬᠡᠨ ᠤ ᠦᠢᠯᠡᠰ ᠪᠠ ᠬᠦᠳᠡᠯᠮᠤᠷᠢ ᠬᠦᠴᠦ ᠲᠦᠪᠯᠡᠷᠡᠭᠰᠡᠨ ᠭᠡᠯᠪᠡᠷᠢ ᠶᠢᠨ ᠠᠵᠦ ᠦᠢᠯᠡᠰ ᠢ ᠬᠦᠭᠵᠢᠬᠦᠯᠵᠦ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠲᠠᠩᠰᠠᠯᠠᠯᠳᠠ ᠶᠢᠨ ᠨᠤᠷᠮ᠎ᠡ ᠶᠢ 3.5% ᠲᠤᠳᠤᠷ᠎ᠡ ᠬᠢᠵᠠᠭᠠᠷᠯᠠᠨ᠎ᠠ᠃ ᠨᠡᠶᠢᠬᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠡᠮ ᠡᠮᠨᠡᠯᠬᠡ ᠶᠢᠨ ᠲᠠᠭᠠᠳᠬᠠᠯ ᠤᠨ ᠲᠦᠷᠢᠮ ᠢ ᠨᠢᠬᠡᠳᠤᠯᠳᠠᠢ ᠲᠤᠭᠳᠠᠭᠠᠵᠦ᠂ ᠪᠦᠬᠦ ᠠᠷᠠᠳ ᠢ ᠲᠠᠭᠠᠳᠬᠠᠯ ᠳᠤ ᠤᠷᠤᠭᠤᠯᠬᠤ ᠲᠦᠯᠦᠪᠯᠡᠭᠡ ᠶᠢ ᠪᠦᠬᠦ ᠲᠠᠯ᠎ᠠ ᠪᠠᠷ ᠭᠡᠷᠡᠭᠵᠢᠬᠦᠯᠦᠨ᠎ᠡ ᠃ ᠰᠤᠷᠭᠠᠨ ᠬᠦᠮᠦᠵᠢᠯ ᠢ ᠤᠷᠢᠳᠡᠪᠡᠷ ᠬᠦᠭᠵᠢᠬᠦᠯᠬᠦ ᠰᠡᠳᠬᠢᠴᠠ ᠪᠠᠷ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ  ᠶᠢᠨ ᠶᠠᠰᠤ ᠴᠢᠨᠡᠷ ᠢ ᠦᠨᠡᠨᠬᠦ ᠲᠡᠭᠡᠭᠰᠢᠯᠡᠬᠦᠯᠦᠨ᠎ᠡ᠃ ᠠᠯᠪᠡᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠦᠬᠡᠷᠡᠴᠢᠯᠠᠯᠳᠠ ᠶᠢ ᠪᠦᠬᠦ ᠲᠠᠯ᠎ᠠ ᠪᠠᠷ ᠪᠡᠶᠡᠯᠡᠬᠦᠯᠵᠦ᠂ ᠭᠤᠷᠪᠡᠨ ᠱᠠᠳᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠠᠬᠡᠨ ᠤ ᠰᠢᠰᠲ᠋ᠧᠮ ᠢ ᠤᠯᠠᠮ ᠨᠢᠬᠡ ᠠᠯᠬᠤᠮ ᠲᠡᠬᠦᠯᠳᠡᠷᠵᠢᠬᠦᠯᠦᠨ᠎ᠡ᠃ ᠨᠠᠶᠢᠳᠠ ᠶᠢᠨ ᠰᠤᠶᠤᠯ ᠤᠨ ᠦᠢᠯᠡᠴᠢᠯᠠᠬᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃     ᠭᠤᠷᠪᠡ᠂ 2016 ᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯᠤᠨ ᠬᠠᠷᠠᠯᠳᠠ ᠡᠬᠦᠷᠭᠡ     2016 ᠤᠨ ᠪᠤᠯ ︽ᠠᠷᠪᠡᠨ ᠭᠤᠷᠪᠡᠳᠤᠭᠠᠷ ᠲᠡᠪᠤᠨ ᠵᠢᠯ︾ ᠤᠨ ᠲᠦᠯᠦᠪᠵᠢᠬᠦᠯᠬᠡ ᠶᠢᠨ ᠡᠬᠢᠯᠡᠯᠳᠡ ᠶᠢᠨ ᠵᠢᠯ᠂ ᠮᠦᠨᠴᠦ ᠬᠠᠩᠭᠠᠯᠭ᠎ᠠ ᠶᠢᠨ ᠲᠠᠯ᠎ᠠ ᠳᠠᠬᠢ ᠪᠦᠳᠤᠴᠠ ᠶᠢᠨ ᠴᠢᠨᠡᠷᠳᠡᠢ ᠦᠬᠡᠷᠡᠴᠢᠯᠠᠯᠳᠠ ᠶᠢ ᠠᠬᠢᠭᠤᠯᠬᠤ ᠰᠢᠪᠳᠤᠯᠤᠯᠳᠠ ᠶᠢᠨ ᠵᠢᠯ ᠪᠠᠶᠢᠵᠦ᠂ ᠬᠤᠶᠢᠰᠢᠳᠠ ᠶᠢᠨ ᠠᠵᠢᠯ ᠳᠤ ᠰᠠᠭᠤᠷᠢ ᠲᠡᠯᠪᠢᠬᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃ ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠨᠡᠮ ᠤᠨ ᠠᠷᠪᠡᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠡᠨ ᠨᠠᠢᠮᠠᠳᠤᠭᠠᠷ ᠬᠤᠭᠤᠴᠠᠭᠠᠨ ᠤ ᠭᠤᠷᠪᠡᠳᠤᠭᠠᠷ᠂ ᠲᠦᠷᠪᠡᠳᠤᠭᠡᠷ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠨᠡᠮ ᠤᠨ ᠬᠤᠷᠢᠶ᠎ᠠ᠂ ᠵᠠᠬᠢᠷᠭ᠎ᠠ ᠵᠢᠴᠢ ᠬᠤᠰᠢᠭᠤ ᠨᠡᠮ  ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠡᠮᠡᠭᠠᠢ ᠨᠠᠶᠢᠳᠠᠪᠤᠷᠢᠵᠢᠭᠤᠯᠵᠦ᠂ ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠭᠡᠭᠡᠯᠳᠡ ᠲᠠᠢ᠂ ᠬᠠᠮᠳᠤᠪᠡᠷ ᠡᠳ᠋ᠯᠡᠬᠦ ᠬᠦᠭᠵᠢᠯᠳᠡ  ᠶᠢᠨ ᠦᠵᠡᠯᠳᠡ ᠶᠢ ᠪᠠᠳᠤ ᠪᠠᠬᠢ ᠪᠤᠢ ᠪᠤᠯᠭᠠᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠳᠤ ᠢᠳᠡᠪᠬᠢᠳᠡᠢ ᠵᠤᠬᠢᠴᠠᠵᠦ᠂ ᠲᠤᠭᠳᠠᠭᠤᠨ ᠢᠶᠠᠷ ᠤᠷᠤᠭᠰᠢᠯᠠᠨ ᠲᠡᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠦ᠂ ᠬᠤᠷᠸ᠎ᠠ ᠲᠠᠯ᠎ᠠ ᠶᠢᠨ ᠲᠦᠷᠦ ᠶᠢᠨ ᠪᠤᠳᠤᠯᠭ᠎ᠠ ᠶᠢ ᠲᠤᠭᠳᠠᠭᠤᠨ ᠪᠠᠶᠢᠯᠭᠠᠬᠤ᠂ ᠠᠵᠦ ᠦᠢᠯᠡᠰ ᠤᠨ ᠲᠦᠷᠦ ᠶᠢᠨ ᠪᠤᠳᠤᠯᠭ᠎ᠠ ᠶᠢ ᠤᠨᠤᠪᠴᠢᠳᠠᠢ ᠪᠠᠶᠢᠯᠭᠠᠬᠤ᠂ ᠪᠢᠴᠢᠯ ᠲᠠᠯ᠎ᠠ ᠶᠢᠨ ᠲᠦᠷᠦ ᠶᠢᠨ ᠪᠤᠳᠤᠯᠭ᠎ᠠ ᠶᠢ ᠠᠮᠢᠳᠤᠯᠢᠭ ᠪᠠᠶᠢᠯᠭᠠᠬᠤ᠂ ᠦᠬᠡᠷᠡᠴᠢᠯᠠᠯᠳᠠ ᠶᠢᠨ ᠲᠦᠷᠦ ᠶᠢᠨ ᠪᠤᠳᠤᠯᠭ᠎ᠠ ᠶᠢ ᠪᠤᠳᠠᠳᠠᠢ ᠪᠠᠶᠢᠯᠭᠠᠬᠤ᠂ ᠨᠡᠶᠢᠬᠡᠮ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠳᠠᠢ ᠪᠠᠶᠢᠯᠭᠠᠬᠤ ᠱᠠᠭᠠᠷᠳᠠᠯᠭ᠎ᠠ ᠶᠤᠰᠤᠭᠠᠷ᠂ ᠠᠵᠦ ᠦᠢᠯᠡᠰ ᠢ ᠠᠳᠬᠤᠨ ᠪᠦᠳᠤᠴᠠ ᠶᠢ ᠲᠤᠬᠢᠷᠠᠭᠤᠯᠵᠦ᠂ ᠰᠢᠨ᠎ᠡ ᠬᠡᠯᠪᠡᠷᠢ ᠶᠢᠨ ᠬᠦᠭᠵᠢᠯᠳᠡ ᠶᠢ ᠠᠬᠢᠭᠤᠯᠤᠨ᠎ᠠ︔ ᠲᠦᠷᠦᠯ ᠵᠦᠢᠯ ᠢ ᠠᠳᠬᠤᠨ ᠪᠡᠯᠡ ᠤᠷᠤᠭᠤᠯᠤᠯᠳᠠ ᠶᠢ ᠨᠡᠮᠡᠭᠳᠡᠬᠦᠯᠵᠦ᠂ ᠠᠵᠦ ᠠᠬᠤᠢ ᠶᠢᠨ ᠨᠡᠮᠡᠭᠳᠡᠯ ᠢ ᠲᠤᠭᠳᠠᠪᠤᠷᠢᠵᠢᠭᠤᠯᠤᠨ᠎ᠠ︔ ᠦᠬᠡᠷᠡᠴᠢᠯᠠᠯᠳᠠ ᠶᠢ ᠠᠳᠬᠤᠨ ᠨᠡᠭᠡᠭᠡᠯᠳᠡ ᠶᠢ ᠠᠬᠢᠭᠤᠯᠵᠦ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ︔ ᠠᠮᠢ ᠠᠬᠤᠢ ᠶᠢ ᠠᠳᠬᠤᠨ ᠰᠠᠭᠤᠷᠢ ᠶᠢ ᠴᠢᠩᠭᠠᠳᠬᠠᠵᠦ᠂ ᠪᠤᠬᠢᠷᠳᠤᠯ ᠦᠬᠡᠢ ᠬᠦᠭᠵᠢᠯᠳᠡ ᠶᠢ ᠲᠦᠯᠬᠢᠨ ᠠᠬᠢᠭᠤᠯᠤᠨ᠎ᠠ︔ ᠨᠢᠬᠡᠳᠤᠯᠳᠡᠢ ᠲᠦᠯᠦᠪᠵᠢᠬᠦᠯᠬᠡ ᠶᠢ ᠠᠳᠬᠤᠨ ᠲᠤᠳᠠᠭᠤᠳᠠᠯ ᠢᠶᠠᠨ ᠨᠦᠬᠦᠪᠤᠷᠢᠯᠠᠵᠦ᠂ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ︔ ᠠᠷᠠᠳ ᠤᠨ ᠠᠮᠢᠳᠤᠷᠠᠯ ᠢ ᠠᠳᠬᠤᠨ ᠲᠤᠭᠳᠠᠭᠤᠨ ᠢ ᠬᠠᠮᠠᠭᠠᠯᠠᠵᠦ ᠂ ᠬᠠᠮᠳᠤᠪᠡᠷ ᠡᠳ᠋ᠯᠡᠬᠦ ᠬᠦᠭᠵᠢᠯᠳᠡ ᠶᠢ ᠪᠠᠶᠠᠯᠠᠬᠦᠯᠵᠦ᠂ ᠬᠦᠴᠦᠨ ᠢᠶᠠᠨ ᠲᠦᠪᠯᠡᠷᠡᠬᠦᠯᠦᠨ ᠴᠢᠷᠮᠡᠶᠢᠨ ᠠᠵᠢᠯᠯᠠᠵᠦ᠂ ᠬᠦᠴᠢᠷ ᠪᠡᠷᠭᠡᠰᠢᠶᠠᠯ ᠢ ᠢᠯᠡᠨ ᠲᠠᠪᠠᠵᠦ᠂ ︽ᠠᠷᠪᠡᠨ ᠭᠤᠷᠪᠡᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭᠠᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠰᠠᠶᠢᠨ ᠡᠬᠢᠯᠡᠯᠳᠡ ᠶᠢ ᠪᠠᠳᠤᠯᠠᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠬᠠᠷᠠᠯᠳᠠ ᠶᠢ ᠪᠠᠶᠠᠯᠠᠬᠦᠯᠬᠦ ᠪᠠᠷ ᠴᠢᠷᠮᠡᠶᠢᠨ ᠲᠡᠮᠡᠴᠡᠨ᠎ᠡ᠃     ᠦᠨᠦ ᠵᠢᠯ ᠤᠨ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 63.6 ᠳ᠋ᠦᠩᠰᠢᠭᠤᠷ ᠲᠦᠭᠦᠷᠢᠭ ᠪᠠᠶᠠᠯᠡᠬᠦᠯᠵᠦ᠂ 9.3% ᠪᠠᠷ ᠨᠡᠮᠡᠭᠳᠡᠬᠦᠯᠦᠨ᠎ᠡ᠃ ᠡᠭᠦᠨ ᠳᠤ ᠨᠢᠬᠡ᠂ ᠬᠤᠶᠠᠷ᠂ ᠭᠤᠷᠪᠠᠳᠣᠭᠠᠷ ᠠᠵᠣ ᠦᠢᠯᠡᠰ ᠤᠨ ᠨᠡᠮᠡᠭᠳᠡᠯ ᠦᠷᠳᠡᠭ  ᠢ ᠲᠤᠰᠪᠤᠷᠢ 5.6 ᠳ᠋ᠦᠩᠰᠢᠭᠤᠷ ᠲᠦᠭᠦᠷᠢᠭ᠂ 42.7 ᠳ᠋ᠦᠩᠰᠢᠭᠤᠷ ᠲᠦᠭᠦᠷᠢᠭ ᠪᠣᠯᠣᠨ 15.3 ᠳ᠋ᠦᠩᠰᠢᠭᠤᠷ ᠲᠦᠭᠦᠷᠢᠭ ᠪᠠᠶᠡᠯᠡᠬᠦᠯᠵᠦ᠂ ᠲᠤᠰᠪᠤᠷᠢ 2.7%᠂ 11.8% ᠪᠣᠯᠣᠨ 5.4% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 36.75 ᠳ᠋ᠦᠩᠰᠢᠭᠤᠷ ᠲᠦᠭᠦᠷᠢᠭ ᠪᠠᠶᠠᠯᠠᠬᠦᠯᠵᠦ᠂ 19.9% ᠪᠠᠷ ᠨᠡᠮᠡᠭᠳᠡᠭᠦᠯᠦᠨ᠎ᠡ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ  ᠤᠨ ᠬᠦᠮᠦᠨ ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ ᠲᠤᠰᠪᠤᠷᠢ 32700 ᠲᠦᠬᠦᠷᠢᠭ ᠪᠠ 9700 ᠲᠦᠬᠦᠷᠢᠭ ᠪᠠᠶᠠᠯᠠᠬᠦᠯᠵᠦ᠂ 9.1% ᠪᠠ 11% ᠪᠠᠷ ᠨᠡᠮᠡᠭᠳᠡᠬᠦᠯᠦᠨ᠎ᠡ᠃ ᠨᠠᠶᠢᠳᠠ ᠶᠢᠨ ᠡᠳ᠋ ᠤᠨ ᠵᠠᠰᠠᠭ  ᠤᠨ ᠲᠦᠰᠦᠪ ᠤᠨ ᠤᠷᠤᠯᠭ᠎ᠠ ᠶᠢ 3.29 ᠳ᠋ᠦᠩᠰᠢᠭᠤᠷ ᠲᠦᠬᠦᠷᠢᠭ ᠪᠠᠶᠠᠯᠡᠬᠦᠯᠵᠦ᠂ 11% ᠪᠠᠷ ᠨᠡᠮᠡᠭᠳᠡᠬᠦᠯᠦᠨ᠎ᠡ᠃ ᠨᠡᠶᠢᠬᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠤᠩᠭᠡᠢ ᠭᠡᠮᠵᠢᠶ᠎ᠠ ᠶᠢ 18.2 ᠳ᠋ᠦᠩᠰᠢᠭᠤᠷ ᠲᠦᠬᠦᠷᠢᠭ ᠪᠠᠶᠠᠯᠠᠬᠦᠯᠵᠦ᠂ 11.7% ᠪᠠᠷ ᠨᠡᠮᠡᠭᠳᠡᠬᠦᠯᠦᠨ᠎ᠡ᠃     ᠲᠡᠭᠡᠷ᠎ᠡ ᠲᠤᠷᠡᠳᠤᠭᠰᠠᠨ ᠬᠠᠷᠠᠯᠳᠠ ᠶᠢᠨ ᠲᠤᠭᠤᠷᠢᠨ ᠳᠤ᠂ ᠪᠢᠳᠡ ᠲᠤᠤᠷᠡᠬᠢ ᠭᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠨ᠎ᠠ᠄     ︵ᠨᠢᠬᠡ︶ ᠲᠤᠭᠳᠠᠭᠤᠨ ᠨᠡᠮᠡᠭᠳᠡᠯ ᠢ ᠲᠡᠷᠢᠬᠦᠨ ᠴᠢᠬᠤᠯᠠ ᠡᠬᠦᠷᠭᠡ ᠪᠠᠨ ᠪᠤᠯᠭᠠᠵᠦ᠂ ᠠᠵᠦ ᠠᠬᠤᠢ ᠶᠢᠨ ᠬᠦᠭᠵᠢᠯᠳᠡ ᠶᠢᠨ ᠲᠤᠭᠳᠠᠭᠤᠨ ᠰᠠᠶᠢᠵᠢᠷᠠᠯᠳᠠ ᠶᠢ ᠪᠠᠳᠤᠯᠠᠨ᠎ᠠ     ᠨᠢᠬᠡ ᠳᠤ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠦᠨᠦ ᠵᠢᠯ᠂ ᠬᠤᠰᠢᠭᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠨᠠᠶᠢᠳᠠ 96 ᠭᠤᠤᠯᠳᠠᠯᠭ᠎ᠠ ᠲᠠᠢ ᠲᠦᠷᠦᠯ ᠵᠦᠢᠯ ᠢ ᠲᠤᠬᠢᠷᠠᠭᠤᠯᠵᠦ᠂ 42.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠪᠡ᠃ ᠲᠠᠷᠢᠶᠠᠯᠠᠩ᠂ ᠮᠠᠯ ᠠᠵᠦ ᠠᠬᠤᠢ᠂ ᠤᠢ ᠰᠢᠭᠤᠢ ᠪᠠ ᠤᠰᠤᠨ ᠠᠰᠢᠭᠯᠠᠯᠳᠠ ᠶᠢᠨ ᠲᠠᠯ᠎ᠠ ᠪᠠᠷ᠂ 0.81 ᠳ᠋ᠦᠩᠰᠢᠭᠤᠷ ᠲᠦᠬᠦᠷᠢᠭ  ᠤᠨ ᠪᠡᠯᠡ ᠤᠷᠤᠭᠤᠯᠵᠦ᠂ ᠤᠯᠠᠭᠠᠬᠤᠪᠤᠭ᠎ᠠ ᠤᠰᠤᠨ ᠴᠦᠬᠦᠷᠦᠮ ᠤᠨ ᠪᠠᠷᠢᠯᠭ᠎ᠠ᠂ ᠲᠠᠷᠢᠶᠠᠯᠠᠩ ᠮᠠᠯ ᠠᠵᠦ ᠠᠬᠤᠢ  ᠶᠢᠨ ᠠᠵᠦ ᠦᠢᠯᠡᠰᠵᠢᠯᠳᠡ ᠶᠢᠨ ᠲᠤᠭᠤᠷᠢᠭ ᠤᠨ ᠪᠦᠳᠤᠭᠡᠨ ᠪᠠᠶᠢᠭᠤᠯᠤᠯᠳᠠ ᠵᠡᠷᠭᠡ ᠲᠦᠷᠦᠯ ᠵᠦᠢᠯ ᠢ ᠭᠤᠤᠯᠳᠠᠯᠭ᠎ᠠ  ᠲᠠᠢ ᠠᠬᠢᠭᠤᠯᠤᠨ᠎ᠠ︔ ᠠᠵᠦ ᠦᠢᠯᠡᠳᠪᠤᠷᠢ ᠶᠢᠨ ᠲᠠᠯ᠎ᠠ ᠪᠠᠷ᠂ 24.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠼᠣᠣ ᠶᠤᠸᠡᠨ ᠮᠤ᠋ ᠳ᠋ᠦ᠋ ᠠᠵᠦ ᠠᠬᠤᠶᠢᠯᠠᠯ ᠤᠨ ᠵᠢᠯ ᠳᠤ 300 ᠲᠦᠮᠡᠨ ᠵᠠᠬ᠎ᠠ ᠨᠤᠤᠰᠤᠨ ᠬᠤᠪᠴᠠᠰᠤ ᠦᠢᠯᠡᠳᠪᠤᠷᠢᠯᠠᠬᠦ ᠲᠦᠷᠦᠯ ᠵᠦᠢᠯ᠂ ᠰᠢᠨ᠎ᠡ ᠡᠨᠧᠷᠬᠢ ᠶᠢᠨ ᠪᠢᠴᠢᠯ ᠴᠠᠬᠢᠯᠭᠠᠨ ᠲᠤᠤᠷ᠂ ᠠᠮᠢᠳᠤ ᠪᠤᠳᠠᠰ  ᠤᠨ ᠤᠷᠭᠠᠨᠢᠭ ᠪᠤᠷᠳᠤᠭᠤᠷ ᠵᠡᠷᠭᠡ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ︔ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢᠨ ᠲᠠᠯ᠎ᠠ ᠪᠠᠷ᠂ 2.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠡᠷᠢᠶᠠᠨ ᠬᠤᠳᠠ ᠠᠴᠠ ᠭᠤᠸᠠᠩᠵᠸᠤ ᠬᠦᠷᠬᠦ ᠲᠦᠷᠭᠡᠨ ᠵᠡᠮ ᠢ ᠬᠤᠯᠪᠤᠭᠰᠠᠨ ᠰᠦᠨᠢᠳ ᠪᠠᠷᠠᠭᠤᠨ ᠬᠤᠰᠢᠭᠤ ᠠᠴᠠ ᠴᠢᠭᠤᠯᠤᠯᠳᠤ ᠬᠠᠭᠠᠯᠭ᠎ᠠ ᠬᠦᠷᠬᠦ ᠲᠦᠷᠭᠡᠨ ᠵᠡᠮ ︵ᠰᠦᠨᠢᠳ ᠪᠠᠷᠠᠭᠤᠨ ᠬᠤᠰᠢᠭᠤ ᠠᠴᠠ ᠬᠤᠸᠡ ᠳ᠋ᠧ ᠬᠦᠷᠬᠦ ᠭᠡᠰᠡᠭ︶᠂ ᠴᠠᠬᠠᠷ ᠪᠠᠷᠠᠭᠤᠨ ᠭᠠᠷᠤᠨ ᠲᠤᠮᠳᠠ ᠬᠤᠰᠢᠭᠤ ᠠᠴᠠ ᠰᠢᠯᠢ ᠶᠢᠨ ᠭᠤᠤᠯ ᠠᠶᠢᠮᠠᠭ ᠤᠨ ᠪᠠᠷᠠᠭᠤᠨ ᠭᠡᠰᠡᠭ ᠬᠦᠷᠬᠦ 220 ᠺᠢᠯᠤᠸᠤᠯᠲ ᠤᠨ ᠨᠡᠭᠡᠭᠡᠯᠭᠡᠢ ᠶᠢᠨ ᠦᠷᠳᠡᠭᠡᠨ ᠤ ᠪᠠᠷᠢᠯᠭ᠎ᠠ᠂ ᠤᠰᠤᠨ ᠤ ᠴᠢᠨᠡᠷ ᠢ ᠲᠡᠭᠡᠭᠰᠢᠯᠡᠬᠦᠯᠬᠦ ᠵᠡᠷᠭᠡ ᠢᠨᠵᠧᠨᠧᠷᠢᠩ ᠤᠨ ᠲᠤᠳᠠᠭᠤ ᠶᠢ ᠨᠦᠬᠦᠬᠦ ᠪᠠ ᠴᠢᠩᠭᠠᠳᠬᠠᠬᠤ ᠨᠢᠬᠡ ᠪᠦᠯᠦᠭ ᠴᠢᠬᠤᠯᠠ ᠶᠡᠭᠡ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠤᠨ᠎ᠠ︔ ᠬᠤᠳᠠ ᠪᠠᠯᠭᠠᠰᠤᠨ ᠤ ᠪᠦᠳᠤᠭᠡᠨ ᠪᠠᠶᠢᠭᠤᠯᠤᠯᠳᠠ ᠪᠠ ᠠᠷᠠᠳ ᠤᠨ ᠠᠮᠢᠳᠤᠷᠠᠯ ᠤᠨ ᠲᠠᠯ᠎ᠠ ᠪᠠᠷ᠂ 12.6 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠪᠤᠷᠤ ᠭᠡᠷ  ᠤᠨ ᠲᠤᠭᠤᠷᠢᠭ ᠤᠨ ᠦᠬᠡᠷᠡᠴᠢᠯᠠᠯᠳᠠ᠂ ᠰᠠᠶᠢᠬᠠᠨᠳᠠᠯ᠎ᠠ ᠶᠢᠨ ᠪᠤᠵᠠᠷ ᠤᠰᠤ ᠶᠢ ᠲᠠᠬᠢᠨ ᠠᠰᠢᠭᠯᠠᠬᠤ ᠢᠨᠵᠧᠨᠧᠷᠢᠩ ᠵᠡᠷᠭᠡ ᠰᠠᠭᠤᠷᠢ ᠲᠦᠬᠦᠭᠡᠷᠤᠮᠵᠢ ᠪᠤᠯᠤᠨ ᠮᠠᠯᠵᠢᠬᠤ ᠲᠠᠷᠢᠶᠠᠯᠠᠬᠤ ᠤᠷᠤᠨ ᠤ ︽ᠠᠷᠪᠡ ᠶᠢ ᠪᠦᠷᠬᠦᠭᠦᠯᠬᠦ︾᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ ᠵᠡᠷᠭᠡ ᠠᠷᠠᠳ ᠤᠨ ᠠᠮᠢᠳᠤᠷᠠᠯ ᠢ ᠬᠠᠷᠠᠭᠠᠯᠵᠠᠭᠰᠠᠨ ᠨᠢᠬᠡ ᠪᠦᠯᠦᠭ ᠰᠠᠭᠤᠷᠢ ᠪᠤᠯᠬᠤ ᠭᠤᠤᠯᠳᠠᠯᠭ᠎ᠠ ᠲᠠᠢ ᠢᠨᠵᠧᠨᠧᠷᠢᠩ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ︔ ᠠᠷᠠᠯᠵᠢᠶ᠎ᠠ ᠬᠤᠳᠠᠯᠳᠤᠭ᠎ᠠ ᠪᠡ ᠬᠦᠢᠯᠬᠡᠬᠡᠨ ᠤ ᠲᠠᠯ᠎ᠠ ᠪᠠᠷ᠂ 2.85 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠰᠢᠨ ᠮᠧᠩ ᠰᠢᠨ ᠡᠳ᠋ ᠪᠠᠷᠠᠭᠠᠨ ᠤ ᠬᠦᠢᠯᠬᠡᠬᠡᠨ ᠤ ᠲᠤᠭᠤᠷᠢᠭ᠂ ᠲᠡᠮᠦᠷᠯᠢᠭ ᠬᠠᠶᠢᠨ ᠰᠢᠨᠵᠢᠬᠦ ᠵᠡᠷᠭᠡ ᠲᠦᠷᠦᠯ ᠵᠦᠢᠯ ᠤᠨ ᠪᠠᠷᠢᠯᠭ᠎ᠠ ᠶᠢ ᠡᠬᠢᠯᠡᠬᠦᠯᠦᠨ᠎ᠡ᠃ ᠭᠠᠵᠡᠷ ᠤᠨ ᠲᠠᠰ ᠤᠨ ᠤᠳᠤᠷᠢᠳᠬᠤ ᠺᠡᠳ᠋ᠷ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠦᠷᠬᠦᠯᠵᠢᠯᠡᠨ ᠰᠠᠶᠢᠳᠤᠷ ᠠᠳᠬᠤᠵᠦ᠂ ︽ᠠᠷᠪᠡᠨ ᠡᠳᠤᠷ ᠢᠶᠠᠷ ᠲᠤᠬᠢᠷᠠᠭᠤᠯᠬᠤ᠂ ᠰᠠᠷ᠎ᠠ ᠪᠠᠷ ᠮᠡᠳᠡᠬᠦᠯᠬᠦ᠂ ᠤᠯᠠᠷᠢᠯ ᠢᠶᠠᠷ ᠵᠢᠭᠰᠠᠭᠠᠬᠤ᠂ ᠬᠠᠭᠠᠰ ᠵᠢᠯ ᠪᠠ ᠪᠦᠬᠦ ᠵᠢᠯ   ᠢᠶᠠᠷ ᠶᠡᠷᠦᠩᠭᠡᠶᠢᠯᠡᠨ ᠦᠨᠡᠯᠡᠬᠦ︾ ᠬᠢᠨᠡᠨ ᠰᠢᠯᠭᠠᠯᠳᠠ ᠶᠢᠨ ᠠᠷᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠨ᠎ᠠ᠃     ᠬᠤᠶᠠᠷ ᠲᠤ ᠠᠵᠦ ᠠᠬᠤᠶᠢᠯᠠᠯ ᠤᠨ ᠡᠷᠬᠢᠯᠳᠡ ᠶᠢ ᠴᠢᠩᠭᠠᠳᠬᠠᠨ᠎ᠠ᠃ ᠠᠷᠭ᠎ᠠ ᠪᠦᠬᠦᠨ ᠢ ᠰᠦᠪᠡᠭᠴᠢᠯᠠᠨ ᠠᠵᠦ ᠠᠬᠤᠶᠢᠯᠠᠯ ᠤᠨ ᠦᠢᠯᠡᠳᠪᠤᠷᠢᠯᠠᠯ ᠡᠵᠡᠩᠨᠡᠯᠳᠡ ᠶᠢ ᠲᠤᠭᠳᠠᠪᠤᠷᠢᠵᠢᠭᠤᠯᠤᠨ᠎ᠠ᠃ ᠠᠵᠦ ᠠᠬᠤᠢ ᠶᠢᠨ ᠡᠵᠡᠩᠨᠡᠯᠳᠡ ᠶᠢᠨ ᠡᠷᠬᠢᠯᠳᠡ ᠶᠢ ᠵᠠᠳᠠᠯᠤᠨ ᠮᠠᠭᠠᠳᠯᠠᠯ ᠬᠢᠬᠦ ᠪᠠ ᠬᠢᠨᠡᠨ ᠬᠡᠮᠵᠢᠵᠦ ᠲᠤᠬᠢᠷᠠᠭᠤᠯᠬᠤ ᠪᠠᠨ ᠴᠢᠩᠭᠠᠳᠬᠠᠵᠦ᠂ ᠤᠯᠤᠰ᠂ ᠦᠪᠡᠷᠳᠡᠭᠡᠨ ᠵᠠᠰᠠᠬᠤ ᠤᠷᠤᠨ ᠵᠢᠴᠢ ᠠᠶᠢᠮᠠᠭ ᠤᠨ ᠨᠡᠮ ᠤᠨ ᠬᠤᠷᠢᠶ᠎ᠠ᠂ ᠵᠠᠬᠢᠷᠭ᠎ᠠ ᠠᠴᠠ ᠲᠤᠭᠳᠠᠭᠠᠭᠰᠠᠨ ᠲᠤᠭᠳᠠᠭᠤᠨ ᠢᠶᠠᠷ ᠨᠡᠮᠡᠭᠳᠡᠬᠦᠯᠬᠦ ᠪᠠ ᠪᠤᠳᠠᠳᠤ ᠠᠵᠦ ᠠᠬᠤᠢ ᠶᠢᠨ ᠬᠦᠭᠵᠢᠯᠳᠡ ᠶᠢ ᠠᠬᠢᠭᠤᠯᠬᠤ ᠲᠤᠬᠠᠢ ᠲᠦᠷᠦ ᠶᠢᠨ ᠪᠤᠳᠤᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠦ᠂ ︽ᠨᠢᠬᠡ ᠠᠵᠦ ᠠᠬᠤᠶᠢᠯᠠᠯ ᠨᠢᠬᠡ ᠠᠷᠭ᠎ᠠ ᠪᠤᠳᠤᠯᠭ᠎ᠠ︾ ᠶᠢᠨ ᠬᠠᠪᠰᠤᠷᠤᠨ ᠲᠡᠳᠬᠦᠬᠦ ᠠᠷᠭ᠎ᠠ ᠪᠡᠷᠢᠯ ᠢ ᠭᠡᠷᠡᠭᠵᠢᠬᠦᠯᠵᠦ᠂ ᠠᠵᠦ ᠠᠬᠤᠶᠢᠯᠠᠯ ᠤᠨ ᠮᠡᠷᠭᠡᠵᠢᠯ ᠢᠶᠠᠨ ᠰᠠᠶᠢᠵᠢᠷᠠᠭᠤᠯᠤᠨ ᠲᠡᠰ ᠲᠡᠪᠰᠢᠬᠦ ᠪᠠ ᠪᠤᠬᠢᠷᠳᠤᠯ ᠢ ᠪᠠᠭᠠᠰᠬᠠᠨ ᠡᠨᠧᠷᠬᠢ ᠠᠷᠪᠢᠯᠡᠨ ᠡᠵᠡᠩᠨᠡᠯᠳᠡ ᠬᠢᠬᠦ ᠶᠢ ᠨᠢ ᠲᠡᠮᠵᠢᠵᠦ᠂ ᠠᠵᠦ ᠦᠢᠯᠡᠰ ᠤᠨ ᠬᠡᠯᠬᠢᠶ᠎ᠠ ᠶᠢ ᠤᠷᠳᠤᠳᠬᠠᠨ᠂ ᠠᠵᠦ ᠠᠬᠤᠶᠢᠯᠠᠯ ᠤᠨ ᠭᠡᠪ ᠤᠨ ᠡᠷᠬᠢᠯᠳᠡ ᠶᠢ ᠪᠠᠳᠤᠯᠠᠨ᠎ᠠ᠃ ᠠᠵᠦ ᠦᠢᠯᠡᠰ ᠤᠨ ᠪᠡᠯᠡ ᠮᠦᠩᠬᠦᠨ ᠤ ᠲᠡᠮᠵᠢᠯᠬᠡ ᠶᠢ ᠨᠡᠮᠡᠭᠳᠡᠬᠦᠯᠵᠦ᠂ ︽ᠪᠠᠳᠤᠯᠠᠭ᠎ᠠ ᠶᠢᠨ ᠮᠦᠩᠬᠦᠨ ᠤ ᠲᠡᠮᠵᠢᠯᠬᠡ ᠲᠠᠢ ᠵᠢᠬᠡᠯᠡᠯᠬᠡ︾ ᠶᠢᠨ ᠲᠤᠰᠬᠠᠢ ᠠᠵᠢᠯ ᠢ ᠦᠷᠬᠦᠯᠵᠢᠯᠡᠨ ᠦᠷᠨᠢᠬᠦᠯᠵᠦ᠂ 1 ᠳ᠋ᠦᠩᠰᠢᠭᠤᠷ ᠲᠦᠬᠦᠷᠢᠭ ᠤᠨ ᠵᠢᠬᠡᠯᠡᠯᠬᠡ ᠲᠠᠯᠪᠢᠵᠦ᠂ ᠠᠵᠦ ᠠᠬᠤᠶᠢᠯᠠᠯ ᠤᠨ ᠪᠡᠯᠡ ᠮᠦᠩᠬᠦ ᠴᠤᠭᠯᠠᠭᠤᠯᠬᠤ ᠳᠤ ᠬᠦᠴᠢᠷ ᠠᠰᠠᠭᠤᠳᠠᠯ ᠢ ᠰᠢᠢᠳᠪᠤᠷᠢᠯᠠᠨ᠎ᠠ᠃ ᠤᠯᠠᠨ ᠠᠷᠭ᠎ᠠ ᠭᠡᠯᠪᠡᠷᠢ ᠪᠠᠷ ᠠᠵᠦ ᠠᠬᠤᠶᠢᠯᠠᠯ ᠤᠨ ᠦᠪᠡᠷ ᠤᠨ ᠦᠷᠳᠡᠭ ᠢ ᠪᠠᠭᠤᠷᠠᠭᠤᠯᠤᠨ᠎ᠠ᠃ ᠵᠠᠰᠠᠭ ᠢ ᠴᠤᠮᠬᠠᠳᠬᠠᠵᠦ ᠡᠷᠭᠡ ᠶᠢ ᠲᠠᠯᠪᠢᠬᠤ᠂ ᠰᠠᠯᠬᠢᠨ ᠬᠦᠴᠦᠨ ᠤ ᠴᠠᠬᠢᠯᠭᠠᠨ ᠢ ᠲᠤᠬᠠᠢ ᠶᠢᠨ ᠭᠠᠵᠡᠷ ᠲᠠᠭᠠᠨ ᠪᠠᠭᠳᠠᠭᠠᠨ ᠰᠢᠩᠭᠡᠭᠡᠬᠦ ᠪᠠ ᠵᠦᠷᠢᠶᠠᠨᠳᠤ ᠴᠠᠬᠢᠯᠭᠠᠨ ᠤ ᠦᠨ᠎ᠡ ᠶᠢᠨ ᠨᠦᠬᠦᠪᠤᠷᠢ ᠵᠡᠷᠭᠡ ᠲᠠᠯ᠎ᠠ ᠪᠠᠷ ᠠᠵᠦ ᠠᠬᠤᠶᠢᠯᠠᠯ ᠢ ᠬᠠᠪᠰᠤᠷᠤᠨ ᠡᠵᠡᠩᠨᠡᠯᠳᠡ ᠶᠢᠨ ᠡᠷᠬᠢᠯᠳᠡ ᠳᠠᠬᠢ ᠦᠷᠳᠡᠭ ᠢ ᠪᠠᠭᠤᠷᠠᠭᠤᠯᠤᠨ᠎ᠠ᠃ ᠰᠦᠨᠢᠳ ᠬᠤᠵᠢᠷ ᠤᠨ ᠦᠢᠯᠡᠰ᠂  ᠶᠢᠨ ᠰᠢ ᠰᠢᠵᠢᠷ ᠠᠯᠳᠠᠨ ᠤ ᠺᠤᠮᠫᠠᠨᠢ᠂ ᠵᠢᠷᠦᠬᠡ ᠵᠡᠰ ᠤᠨ ᠦᠢᠯᠡᠰ ᠵᠡᠷᠭᠡ ᠠᠵᠦ ᠠᠬᠤᠶᠢᠯᠠᠯ ᠳᠤ ᠴᠠᠬᠢᠯᠭᠠᠨ ᠠᠷᠪᠢᠨ ᠭᠡᠷᠡᠭᠯᠡᠭᠴᠢ ᠶᠢᠨ ᠰᠢᠭᠤᠳ ᠬᠠᠩᠭᠠᠬᠤ ᠴᠠᠬᠢᠯᠭᠠᠨ ᠤ ᠦᠨ᠎ᠡ ᠶᠢ ᠭᠤᠶᠤᠴᠢᠯᠠᠨ ᠦᠭᠴᠦ᠂ ᠠᠵᠦ ᠠᠬᠤᠶᠢᠯᠠᠯ ᠤᠨ ᠬᠦᠭᠵᠢᠯᠳᠡ ᠶᠢᠨ ᠨᠦᠬᠡᠴᠡ ᠬᠦᠴᠦᠨ ᠢ ᠨᠡᠮᠡᠭᠳᠡᠬᠦᠯᠦᠨ᠎ᠡ᠃ ᠤᠯᠤᠰ ᠤᠨ ᠬᠠᠩᠭᠠᠯᠭ᠎ᠠ ᠶᠢᠨ ᠲᠠᠯ᠎ᠠ  ᠳᠠᠬᠢ ᠪᠦᠳᠤᠴᠠ ᠶᠢᠨ ᠴᠢᠨᠡᠷᠳᠡᠢ ᠦᠬᠡᠷᠡᠴᠢᠯᠠᠯᠳᠠ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠪᠡᠷᠢᠯ ᠢ ᠤᠨᠤᠪᠴᠢᠳᠠᠢ ᠡᠵᠡᠮᠰᠢᠵᠦ᠂ ᠰᠢᠨ ᠮᠧᠩ ᠰᠢᠨ ᠮᠡᠲ᠋ᠧᠷᠢᠶᠠᠯ ᠤᠨ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠲᠠᠭᠤᠰᠬᠠᠭᠰᠠᠨ ᠰᠠᠭᠤᠷᠢᠨ ᠲᠡᠭᠡᠷ᠎ᠡ᠂ ᠲᠡᠮᠦᠷᠯᠢᠭ ᠬᠠᠶᠢᠯᠤᠭᠤᠯᠬᠤ ᠪᠤᠰᠤᠳ ᠠᠵᠦ ᠠᠬᠤᠶᠢᠯᠠᠯ ᠲᠠᠢ ᠨᠠᠶᠢᠯᠠᠬᠦᠯᠵᠦ᠂ ᠬᠡᠳᠦ ᠦᠢᠯᠡᠳᠪᠤᠷᠢᠯᠠᠯ ᠢ ᠠᠷᠭᠠᠴᠠᠨ᠎ᠠ᠃ ᠲᠡᠰ ᠲᠡᠪᠰᠢᠬᠦᠯᠦᠭᠰᠡᠨ ᠠᠵᠦ ᠠᠬᠤᠶᠢᠯᠠᠯ ᠢ ᠤᠷᠢᠳᠴᠢᠯᠠᠨ ᠲᠦᠯᠦᠪᠯᠡᠨ ᠬᠦᠭᠵᠢᠬᠦᠯᠵᠦ᠂ ᠵᠢᠯ ᠳᠤ ᠭᠡᠪᠴᠢᠶᠠᠵᠢᠯ ᠠᠴᠠ ᠲᠡᠭᠡᠭᠰᠢᠬᠢ ᠠᠵᠦ ᠠᠬᠤᠶᠢᠯᠠᠯ ᠳᠤ ᠲᠡᠪᠰᠢᠬᠦᠯᠦᠭᠰᠡᠨ ᠠᠵᠦ ᠠᠬᠤᠶᠢᠯᠠᠯ ᠢ 10 ᠳᠤ ᠬᠦᠷᠭᠡᠨ᠎ᠡ᠃     ᠭᠤᠷᠪᠡ ᠳᠤ ᠪᠡᠯᠡ ᠤᠷᠤᠭᠤᠯᠤᠯᠳᠠ ᠪᠠ ᠪᠡᠯᠡ ᠨᠡᠶᠢᠯᠡᠬᠦᠯᠦᠯᠳᠡ ᠶᠢᠨ ᠰᠢᠨ᠎ᠡ ᠶᠢ ᠡᠬᠦᠳᠤᠨ᠎ᠡ᠃ ᠦᠪᠤᠷ ᠮᠤᠩᠭᠤᠯ ᠪᠠᠩᠬᠢ᠂ ᠪᠤᠤ ᠱᠠᠩ ᠪᠠᠩᠬᠢ ᠵᠡᠷᠭᠡ ᠮᠦᠩᠬᠦᠨ ᠬᠦᠢᠯᠬᠡᠬᠡᠨ ᠤ ᠪᠠᠶᠢᠭᠤᠯᠤᠮᠵᠢ ᠠᠴᠠ ᠨᠢᠬᠡ ᠬᠠᠮᠳᠤᠷᠠᠨ ᠠᠵᠢᠯᠯᠠᠬᠤ ᠪᠠᠩᠬᠢ ᠶᠢ ᠮᠡᠨ ᠤ ᠬᠤᠰᠢᠭᠤᠨ ᠳᠤ ᠤᠷᠤᠭᠤᠯᠬᠤ ᠪᠠᠷ ᠴᠢᠷᠮᠡᠶᠢᠨ᠎ᠡ᠃ ︽ᠵᠠᠰᠠᠭ ᠤᠨ ᠤᠷᠳᠤᠨ᠂ ᠪᠠᠩᠬᠢ᠂ ᠠᠵᠦ ᠠᠬᠤᠶᠢᠯᠠᠯ︾ ᠤᠨ ᠬᠠᠷᠢᠯᠴᠠᠭ᠎ᠠ ᠶᠢ ᠢᠳᠡᠪᠬᠢᠳᠡᠢ ᠵᠤᠬᠢᠶᠠᠨ ᠪᠠᠶᠢᠭᠤᠯᠵᠦ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠠᠴᠠ ᠠᠵᠦ ᠠᠬᠤᠶᠢᠯᠠᠯ ᠳᠤ ᠪᠡᠯᠡ ᠮᠦᠩᠬᠦᠨ ᠤ ᠵᠢᠬᠡᠯᠡᠯᠬᠡ ᠶᠢᠨ ᠲᠠᠮᠵᠢᠯᠬᠡ ᠦᠵᠡᠬᠦᠯᠬᠦ ᠶᠢ ᠴᠢᠩᠭᠠᠳᠬᠠᠨ᠎ᠠ᠃ ᠤᠯᠤᠰ ᠤᠨ ᠶᠠᠳᠠᠭᠤ ᠶᠢ ᠲᠡᠳᠬᠦᠬᠦ ᠰᠠᠭᠤᠷᠢ ᠮᠦᠩᠬᠦᠨ ᠤ ᠨᠡᠶᠢᠬᠡᠮᠯᠢᠭ ᠤᠨ ᠵᠦᠩ ᠾᠧ ᠬᠦᠳᠡᠭᠡ ᠲᠤᠰᠬᠤᠨ ᠤ ᠢᠳᠡᠬᠡᠮᠵᠢ ᠶᠢᠨ ᠪᠠᠭ᠎ᠠ ᠲᠤᠭᠠᠨ ᠤ ᠵᠢᠬᠡᠯᠡᠯᠬᠡ ᠶᠢᠨ ᠺᠤᠮᠫᠠᠨᠢ ᠲᠠᠢ ᠬᠠᠮᠳᠤᠷᠠᠯᠴᠠᠭ᠎ᠠ ᠪᠠᠨ ᠴᠢᠩᠭᠠᠳᠬᠠᠵᠦ᠂ ᠵᠢᠯ ᠳᠤ 3000 ᠲᠦᠮᠡᠨ ᠲᠦᠬᠦᠷᠢᠭ ᠤᠨ ᠪᠠᠳᠤᠯᠠᠭᠠᠳᠤ ᠵᠢᠬᠡᠯᠡᠯᠬᠡ ᠤᠯᠬᠤ ᠪᠠᠷ ᠴᠢᠷᠮᠡᠶᠢᠨ᠎ᠡ᠃ ᠦᠪᠡᠷᠳᠡᠭᠡᠨ ᠵᠠᠰᠠᠬᠤ ᠤᠷᠤᠨ ᠤ ᠠᠵᠦ ᠠᠬᠤᠶᠢᠯᠠᠯ ᠤᠨ ᠵᠠᠬ᠎ᠠ ᠲᠠᠯᠭᠡᠬᠦᠷ ᠲᠤ ᠭᠠᠷᠬᠤ ᠭᠤᠷᠪᠡᠨ ᠵᠢᠯ ᠤᠨ ᠠᠵᠢᠯᠯᠠᠭᠠᠨ ᠤ ᠬᠦᠳᠤᠯᠪᠤᠷᠢ ᠶᠢ ᠨᠠᠷᠢᠨ ᠬᠢᠨᠡᠮᠠᠭᠠᠢ ᠨᠠᠶᠢᠳᠠᠪᠤᠷᠢᠵᠢᠭᠤᠯᠵᠦ᠂ ᠶᠠᠩ ᠶᠠᠩ ᠮᠠᠯ ᠠᠵᠦ ᠠᠬᠤᠢ ᠪᠠ ᠼᠣᠣ ᠶᠤᠸᠠᠨ ᠮᠤ᠋ ᠳ᠋ᠦ᠋ ᠬᠤᠶᠠᠷ ᠠᠵᠦ ᠠᠬᠤᠶᠢᠯᠠᠯ ᠢ ᠤᠷᠤᠭᠤᠯᠤᠭᠰᠠᠨ ᠬᠤᠪᠢ ᠶᠢ ᠰᠢᠯᠵᠢᠬᠦᠯᠬᠦ ᠶᠢ ᠤᠷᠤᠯᠠᠨ ᠬᠦᠢᠴᠡᠳᠬᠡᠬᠦ ᠰᠢᠰᠲ᠋ᠧᠮ ᠳᠤ ᠤᠷᠤᠭᠤᠯᠬᠤ ᠶᠢ ᠠᠬᠢᠭᠤᠯᠵᠦ᠂ ᠰᠠᠶᠢᠬᠠᠨᠳᠠᠯ᠎ᠠ ᠬᠠᠯᠠᠭᠤᠨ ᠷᠠᠰᠢᠶᠠᠨ ᠤ ᠪᠠᠭᠤᠳᠠᠯ ᠨᠢ ᠦᠪᠤᠷ ᠮᠤᠩᠭᠤᠯ ᠤᠨ ᠰᠲ᠋ᠤᠺ ᠤᠨ ᠡᠷᠭᠡ ᠶᠢᠨ ᠠᠷᠠᠯᠵᠢᠶᠠᠨ ᠤ ᠲᠦᠪ ᠲᠤ ᠤᠷᠤᠬᠤ ᠶᠢ ᠠᠬᠢᠭᠤᠯᠤᠨ᠎ᠠ᠃ ᠵᠢᠯ ᠳᠤ ᠡᠯ᠎ᠡ ᠵᠦᠢᠯ ᠤᠨ ᠵᠢᠬᠡᠯᠡᠯᠬᠡ ᠶᠢ 24 ᠳ᠋ᠦᠩᠰᠢᠭᠤᠷ ᠲᠦᠬᠦᠷᠢᠭ ᠲᠠᠯᠪᠢᠵᠦ᠂ 10% ᠪᠠᠷ ᠨᠡᠮᠡᠭᠳᠡᠬᠦᠯᠦᠨ᠎ᠡ᠃     ︵ᠬᠤᠶᠠᠷ︶ ᠪᠦᠳᠤᠴᠠ ᠶᠢᠨ ᠲᠤᠬᠢᠷᠠᠭᠤᠯᠤᠯᠳᠠ ᠪᠠᠷ ᠰᠢᠪᠳᠤᠯᠤᠯᠳᠠ ᠶᠢᠨ ᠭᠤᠤᠯ ᠴᠢᠭᠯᠡᠯ ᠪᠤᠯᠭᠠᠵᠦ᠂ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠭᠡᠯᠪᠡᠷᠢ ᠶᠢ ᠬᠤᠪᠢᠷᠠᠭᠤᠯᠤᠨ᠎ᠠ     ᠨᠢᠬᠡ ᠳᠤ ᠮᠠᠯ ᠠᠵᠦ ᠠᠬᠤᠢ ᠶᠢᠨ ᠬᠦᠭᠵᠢᠯᠳᠡ ᠶᠢᠨ ᠭᠡᠯᠪᠡᠷᠢ ᠶᠢᠨ ᠬᠤᠪᠢᠷᠠᠭᠤᠯᠤᠯᠳᠠ ᠶᠢ ᠠᠬᠢᠭᠤᠯᠤᠨ᠎ᠠ᠃ ᠤᠯᠤᠰ ᠤᠨ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠪᠦᠳᠤᠭᠡᠭᠳᠡᠬᠦᠨ ᠢ ᠦᠢᠯᠡᠳᠪᠤᠷᠢᠯᠠᠨ ᠪᠤᠯᠪᠠᠰᠤᠷᠠᠭᠤᠯᠵᠦ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠡᠷ ᠢ ᠪᠠᠶᠢᠭᠤᠯᠬᠤ ᠪᠠᠷ ᠬᠠᠷᠠᠯᠳᠠ ᠪᠤᠯᠭᠠᠵᠦ᠂ ᠨᠢᠬᠡᠳᠤᠭᠡᠷ ᠠᠵᠦ ᠦᠢᠯᠡᠰ ᠪᠠ ᠬᠤᠶᠠᠷ ᠭᠤᠷᠪᠡᠳᠤᠭᠠᠷ ᠠᠵᠦ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠮᠠᠯ ᠠᠵᠦ ᠠᠬᠤᠢ ᠶᠢᠨ ᠠᠵᠦ ᠦᠢᠯᠡᠰ ᠤᠨ ᠪᠦᠳᠤᠴᠠ ᠶᠢ ᠲᠤᠬᠢᠷᠠᠭᠤᠯᠤᠨ᠎ᠠ᠃ ︽ᠬᠤᠨᠢ ᠶᠢ ᠲᠤᠭᠳᠠᠪᠤᠷᠢᠵᠢᠭᠤᠯᠵᠦ ᠦᠬᠡᠷ ᠢ ᠦᠰᠭᠡᠬᠦ᠂ ᠡᠪᠡᠰᠤ ᠮᠠᠯ ᠢ ᠵᠡᠷᠭᠡᠪᠡᠷ ᠨᠡᠮᠡᠭᠳᠡᠬᠦᠯᠬᠦ︾ ᠶᠠᠷᠦᠩᠭᠡᠢ ᠱᠠᠭᠠᠷᠳᠠᠯᠭ᠎ᠠ ᠶᠤᠰᠤᠭᠠᠷ᠂ ᠲᠠᠷᠢᠶᠠᠯᠠᠬᠤ ᠤᠷᠤᠨ ᠳᠤ ︽ᠪᠡᠯᠴᠢᠬᠡᠷᠯᠡᠬᠦ ᠶᠢ ᠵᠤᠭᠰᠤᠭᠠᠪᠠᠴᠦ ᠮᠠᠯᠵᠢᠬᠤ ᠶᠢ ᠬᠤᠷᠢᠭᠯᠠᠬᠤ ᠦᠬᠡᠢ᠂ ᠮᠠᠯ ᠢ ᠴᠦᠬᠡᠳᠬᠡᠭᠰᠡᠨ ᠴᠦ ᠤᠷᠤᠯᠭ᠎ᠠ ᠬᠠᠰᠤᠭᠳᠠᠬᠤ ᠦᠬᠡᠢ︾ ᠪᠠᠶᠢᠬᠤ ᠬᠠᠷᠠᠯᠳᠠ ᠪᠠᠷ᠂ ᠬᠠᠳᠤᠯᠠᠩ ᠪᠡᠯᠴᠢᠬᠡᠷ᠂ ᠡᠷᠳᠡᠨᠢ ᠰᠢᠰᠢ ᠶᠢᠨ ᠨᠤᠭᠤᠭᠠᠨ ᠲᠠᠷᠤᠰᠢ ᠵᠡᠷᠭᠡ ᠲᠡᠵᠢᠬᠡᠯ ᠪᠤᠷᠳᠤᠭᠠᠨ ᠤ ᠰᠠᠭᠤᠷᠢᠨ ᠭᠠᠵᠡᠷ ᠢ ᠬᠦᠭᠵᠢᠬᠦᠯᠵᠦ᠂ ᠲᠡᠷᠢᠮᠡᠯ ᠢᠶᠠᠷ ᠮᠠᠯᠵᠢᠯ ᠢ ᠠᠬᠢᠭᠤᠯᠵᠦ᠂ ᠲᠡᠷᠢᠵᠦ ᠲᠡᠵᠢᠬᠡᠬᠦ ᠶᠢ ᠤᠶᠠᠯᠳᠤᠭᠤᠯᠤᠨ᠎ᠠ᠃ ᠮᠢᠬᠠᠨ ᠤ ᠦᠬᠡᠷ ᠪᠠ ᠮᠢᠬᠠᠨ  ᠤ ᠬᠤᠨᠢ ᠶᠢ ᠬᠠᠰᠢᠶᠠᠯᠠᠨ ᠲᠡᠵᠢᠬᠡᠬᠦ ᠶᠢ ᠵᠤᠷᠢᠭᠵᠢᠭᠤᠯᠵᠦ᠂ ᠪᠤᠳᠠᠭᠠᠯᠢ ᠪᠠᠶ᠎ᠠ ᠶᠢᠨ ᠴᠢᠨᠰᠠᠭ᠎ᠠ ᠶᠢ ᠨᠢ ᠲᠡᠭᠡᠭᠰᠢᠯᠡᠬᠦᠯᠵᠦ᠂ ᠲᠡᠷᠢᠶᠠᠴᠢᠳ ᠤᠨ ᠡᠵᠡᠩᠨᠡᠯᠳᠡ ᠶᠢᠨ ᠴᠢᠨᠡᠷᠳᠡᠢ ᠤᠷᠤᠯᠭ᠎ᠠ ᠶᠢ ᠨᠢ ᠨᠡᠮᠡᠭᠳᠡᠬᠦᠯᠦᠨ᠎ᠡ᠃ ᠮᠠᠯᠵᠢᠬᠤ ᠤᠷᠤᠨ ᠳᠤ ︽ᠬᠠᠰᠢᠶᠠᠯᠠᠵᠦ ᠲᠠᠵᠢᠬᠡᠬᠦ ᠪᠡ ᠬᠠᠭᠠᠰ ᠬᠠᠰᠢᠶᠠᠯᠠᠵᠦ ᠲᠡᠵᠢᠬᠡᠬᠦ︾ ᠪᠠᠷ ᠬᠦᠭᠵᠢᠯᠳᠡ ᠶᠢᠨ ᠴᠢᠭᠯᠡᠯ ᠪᠤᠯᠭᠠᠵᠦ᠂ ᠭᠡᠪᠴᠢᠶᠡᠵᠢᠭᠰᠡᠨ ᠲᠡᠵᠢᠬᠡᠨ ᠦᠷᠡᠵᠢᠬᠦᠯᠬᠦ ᠵᠡᠮ ᠢᠶᠠᠷ ᠵᠠᠮᠨᠠᠬᠤ ᠶᠢ ᠵᠤᠷᠢᠭᠵᠢᠭᠤᠯᠵᠦ᠂ ᠲᠡᠵᠢᠬᠡᠨ ᠦᠷᠡᠵᠢᠬᠦᠯᠬᠦ ᠶᠢ ᠡᠷᠴᠢᠮᠵᠢᠬᠦᠯᠬᠦ᠂ ᠭᠡᠪᠴᠢᠶᠠᠵᠢᠬᠦᠯᠬᠦ ᠪᠠ ᠠᠵᠦ ᠦᠢᠯᠡᠰᠵᠢᠬᠦᠯᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠰᠢᠯᠢᠳᠡᠭ ᠡᠬᠦᠯᠳᠡᠷ ᠤᠨ ᠮᠠᠯ ᠢ ᠦᠰᠭᠡᠨ᠎ᠡ᠃ ︽ᠬᠤᠨᠢ ᠮᠠᠯᠵᠢᠬᠤ ᠳᠤ ᠲᠤᠬᠢᠷᠠᠮᠵᠢᠳᠠᠢ ᠪᠤᠯ ᠬᠤᠨᠢ ᠮᠠᠯᠵᠢᠵᠦ᠂ ᠦᠬᠡᠷ ᠮᠠᠯᠵᠢᠬᠤ ᠳᠤ ᠲᠤᠬᠢᠷᠠᠮᠵᠢᠳᠠᠢ ᠪᠤᠯ ᠦᠬᠡᠷ ᠮᠠᠯᠵᠢᠬᠤ︾ ᠵᠡᠷᠴᠢᠮ ᠶᠤᠰᠤᠭᠠᠷ᠂ ᠰᠦᠨᠢᠳ ᠬᠤᠨᠢᠨ ᠤ ᠡᠬᠦᠯᠳᠡᠷ ᠢ ᠴᠡᠪᠡᠷᠰᠢᠬᠦᠯᠦᠨ ᠪᠤᠵᠠᠭᠠᠶᠢᠷᠠᠭᠤᠯᠬᠤ ᠪᠠ ᠨᠤᠳᠤᠭ ᠤᠨ ᠦᠬᠡᠷ ᠤᠨ ᠡᠬᠦᠯᠳᠡᠷ ᠢ ᠰᠠᠶᠢᠵᠢᠷᠠᠭᠤᠯᠬᠤ ᠠᠵᠢᠯ ᠪᠤᠯᠤᠨ ᠰᠦᠨᠢᠳ ᠬᠤᠤᠰ ᠪᠦᠬᠦᠳᠤ ᠲᠡᠮᠡᠭᠡ ᠶᠢ ᠬᠠᠮᠠᠭᠠᠯᠠᠨ ᠦᠰᠬᠡᠬᠦ ᠠᠵᠢᠯ ᠢ ᠲᠦᠯᠬᠢᠨ ᠠᠬᠢᠭᠤᠯᠵᠦ᠂ ᠮᠠᠯ ᠤᠨ ᠪᠤᠳᠠᠭᠠᠯᠢ ᠪᠠᠶ᠎ᠠ ᠶᠢᠨ ᠴᠢᠨᠰᠠᠭ᠎ᠠ ᠪᠠ ᠮᠠᠯ ᠠᠵᠦ ᠠᠬᠤᠢ ᠶᠢᠨ ᠲᠡᠵᠢᠬᠡᠨ ᠦᠷᠡᠵᠢᠬᠦᠯᠬᠦ ᠦᠷ᠎ᠡ ᠠᠰᠢᠭ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠰᠢᠯᠢᠳᠡᠭ ᠡᠬᠦᠯᠳᠡᠷ ᠤᠨ ᠮᠢᠬᠠᠨ ᠤ ᠦᠬᠡᠷ ᠢ ᠲᠡᠵᠢᠬᠡᠨ ᠦᠰᠭᠡᠬᠦ ᠰᠠᠭᠤᠷᠢᠨ ᠭᠠᠵᠡᠷ ᠪᠠ ᠰᠦᠨᠢᠳ ᠬᠤᠨᠢᠨ ᠤ ᠰᠢᠯᠢᠳᠡᠭ ᠡᠬᠦᠯᠳᠡᠷ ᠤᠨ ᠲᠠᠯᠠᠪᠤᠷ ᠢ ᠲᠤᠰᠪᠤᠷᠢ 2 ᠰᠢᠨ᠎ᠡ  ᠪᠠᠷ ᠪᠠᠶᠢᠭᠤᠯᠵᠦ᠂ 2 ᠲᠦᠮᠡᠨ ᠨᠤᠳᠤᠭ ᠤᠨ ᠦᠬᠡᠷ ᠤᠨ ᠡᠬᠦᠯᠳᠡᠷ ᠢ ᠰᠠᠶᠢᠵᠢᠷᠠᠭᠤᠯᠤᠨ᠂ ᠰᠦᠨᠢᠳ ᠬᠤᠨᠢᠨ ᠤ ᠪᠠᠷᠢᠮᠵᠢᠶᠠᠵᠢᠭᠰᠠᠨ ᠮᠡᠯ ᠰᠦᠷᠦᠭ ᠢ 1000 ᠳᠤ ᠬᠦᠷᠭᠡᠵᠦ᠂ ᠰᠦᠨᠢᠳ ᠬᠤᠴᠠ ᠶᠢ ᠪᠦᠬᠦᠨ ᠢ ᠲᠦᠪᠯᠡᠷᠡᠬᠦᠯᠦᠨ ᠬᠠᠮᠢᠶᠠᠷᠴᠦ᠂ ᠦᠷ᠎ᠡ ᠶᠢᠨ ᠮᠠᠯ ᠲᠡᠵᠢᠬᠡᠨ ᠪᠤᠶᠢᠵᠢᠭᠤᠯᠬᠤ ᠡᠷᠦᠬᠡ ᠶᠢ 350 ᠳᠤ ᠬᠦᠷᠭᠡᠨ᠎ᠡ᠃ ᠡᠵᠡᠩᠨᠡᠨ ᠬᠠᠮᠢᠶᠠᠷᠤᠯᠳᠠ ᠶᠢᠨ ᠭᠡᠯᠪᠡᠷᠢ ᠶᠢ ᠬᠤᠪᠢᠷᠠᠭᠤᠯᠤᠨ᠎ᠠ᠃ ︽ᠪᠠᠶᠢᠭᠠᠯᠢᠯᠢᠭ ᠢᠶᠠᠷ ᠮᠠᠯᠵᠢᠬᠤ + ᠪᠤᠷᠳᠤᠭ᠎ᠠ ᠨᠦᠬᠦᠪᠤᠷᠢᠯᠠᠬᠦ︾ ᠲᠡᠵᠢᠬᠡᠨ ᠦᠷᠡᠵᠢᠬᠦᠯᠬᠦ ᠭᠡᠯᠪᠡᠷᠢ ᠶᠢ ᠦᠷᠬᠦᠯᠵᠢᠯᠡᠨ ᠲᠦᠬᠡᠮᠡᠯᠵᠢᠬᠦᠯᠵᠦ᠂ ᠬᠤᠶᠠᠷ ᠤᠯᠠᠷᠢᠯ ᠪᠤᠶᠤ ᠲᠦᠷᠪᠡᠨ ᠤᠯᠠᠷᠢᠯ ᠢᠶᠠᠷ ᠭᠠᠷᠭᠠᠯᠳᠠ ᠬᠢᠬᠦ ᠠᠷᠭ᠎ᠠ ᠶᠢ ᠰᠦᠪᠡᠭᠴᠢᠯᠠᠵᠦ᠂ ᠵᠢᠯ ᠳᠤ 10 ᠲᠦᠮᠡᠨ ᠡᠪᠤᠯ ᠤᠨ ᠬᠤᠷᠠᠭ᠎ᠠ ᠶᠢ ᠪᠤᠷᠳᠤᠨ ᠲᠡᠵᠢᠬᠡᠵᠦ ᠤᠷᠢᠳᠴᠢᠯᠠᠨ ᠭᠠᠷᠭᠠᠯᠳᠠ ᠬᠢᠨ᠎ᠡ᠃ ᠭᠡᠷ ᠪᠦᠯᠢ ᠶᠢᠨ ᠠᠮᠢ ᠠᠬᠤᠢ ᠶᠢᠨ ᠮᠠᠯᠵᠢᠯ  ᠤᠨ ᠲᠠᠯᠠᠪᠠᠢ᠂ ᠡᠷᠦᠬᠡ ᠬᠤᠯᠪᠤᠭᠠᠯᠠᠨ ᠡᠵᠡᠩᠨᠡᠬᠦ ᠮᠠᠯᠵᠢᠯ ᠤᠨ ᠲᠡᠯᠡᠪᠡᠢ᠂ ᠲᠤᠰᠬᠠᠢ ᠲᠡᠵᠢᠬᠡᠨ ᠦᠷᠡᠵᠢᠬᠦᠯᠬᠦ ᠡᠷᠦᠬᠡ ᠵᠡᠷᠭᠡ ᠭᠡᠪᠴᠢᠶᠡᠵᠢᠭᠰᠡᠨ ᠡᠵᠡᠩᠨᠡᠯᠳᠡ ᠶᠢᠨ ᠲᠤᠮᠤ ᠡᠷᠦᠬᠡ ᠶᠢ ᠬᠦᠭᠵᠢᠬᠦᠯᠵᠦ᠂ 50 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠦᠨᠳᠤᠷ ᠪᠡᠷᠢᠮᠵᠢᠶᠠᠳᠤ ᠮᠠᠯᠵᠢᠯ ᠤᠨ ᠲᠠᠯᠠᠪᠠᠢ ᠪᠠᠷ ᠲᠤᠭᠳᠠᠭᠠᠨ᠎ᠠ᠃ ᠬᠤᠨᠢᠨ ᠮᠢᠬᠠᠨ ᠤ ᠪᠦᠬᠦᠶᠢᠯᠡ ᠠᠵᠦ ᠦᠢᠯᠡᠰ ᠤᠨ ᠬᠡᠯᠬᠢᠶᠠᠨ ᠤ ᠮᠦᠷᠳᠡᠯᠳᠡ ᠶᠢᠨ ᠰᠢᠰᠲ᠋ᠧᠮ ᠤᠨ ᠪᠠᠶᠢᠭᠤᠯᠤᠯᠳᠠ ᠶᠢ ᠲᠦᠷᠬᠡᠨ ᠠᠬᠢᠭᠤᠯᠵᠦ᠂ 10 ᠲᠦᠮᠡᠨ ᠡᠪᠤᠯ ᠤᠨ ᠬᠤᠷᠠᠭᠠᠨ ᠳᠤ ᠪᠦᠬᠦᠶᠢᠯᠡ ᠠᠵᠦ ᠦᠢᠯᠡᠰ ᠤᠨ ᠬᠡᠯᠬᠢᠶᠠᠨ ᠤ ᠮᠦᠷᠳᠡᠯᠳᠡ ᠬᠢᠨ᠎ᠡ᠃ ᠪᠡᠯᠴᠢᠬᠡᠷ ᠤᠨ ᠡᠷᠬᠢᠯᠳᠡ ᠶᠢ ᠤᠯᠠᠮ ᠨᠢᠬᠡ ᠠᠯᠬᠤᠮ ᠲᠦᠷᠢᠮᠵᠢᠬᠦᠯᠵᠦ᠂ ᠲᠡᠵᠢᠬᠡᠨ ᠦᠷᠡᠵᠢᠬᠦᠯᠬᠦ ᠲᠤᠰᠬᠠᠢ ᠡᠷᠦᠬᠡ᠂ ᠲᠤᠰᠬᠠᠢ ᠬᠤᠷᠰᠢᠶᠠᠵᠢᠯ ᠪᠠ ᠭᠠᠴᠠᠭ᠎ᠠ ᠲᠤᠰᠬᠤᠨ ᠤ ᠬᠠᠮᠳᠤ ᠨᠡᠶᠢᠳᠡ ᠬᠠᠤᠯᠢ ᠶᠤᠰᠤᠭᠠᠷ ᠡᠮᠬᠢ ᠲᠢᠭᠯᠢᠮ ᠲᠠᠢ ᠭᠡᠷᠡᠭᠯᠡᠬᠦ ᠶᠢ ᠵᠢᠯᠤᠭᠤᠳᠤᠨ ᠵᠤᠷᠢᠭᠵᠢᠭᠤᠯᠤᠨ᠎ᠠ᠃ ᠮᠠᠯ ᠤᠨ ᠠᠰᠢᠭ ᠰᠢᠮ᠎ᠡ ᠶᠢᠨ ᠨᠠᠷᠢᠯᠢᠭ ᠪᠤᠯᠪᠠᠰᠤᠷᠠᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ ︽ᠤᠬᠢᠶᠠᠬᠤ᠂ ᠰᠠᠮᠨᠠᠬᠤ᠂ ᠡᠭᠡᠷᠡᠬᠦ᠂ ᠪᠤᠳᠤᠬᠤ᠂ ᠬᠤᠪᠴᠠᠰᠤ ᠬᠢᠬᠦ︾  ᠶᠢ ᠨᠢᠬᠡ ᠴᠤᠭᠴᠠᠵᠢᠭᠤᠯᠤᠭᠰᠠᠨ ᠨᠢᠬᠡ ᠪᠦᠯᠦᠭ ᠨᠤᠤᠰᠤᠨ ᠨᠡᠭᠡᠮᠡᠯ ᠤᠨ ᠠᠵᠦ ᠠᠬᠤᠶᠢᠯᠠᠯ ᠢ ᠲᠤᠭᠤᠷᠢᠭ ᠲᠤ ᠤᠷᠢᠨ ᠤᠷᠤᠭᠤᠯᠵᠦ᠂ ᠪᠦᠬᠦ ᠬᠤᠰᠢᠭᠤᠨ ᠤ ᠨᠤᠯᠤᠤᠷ ᠪᠤᠯᠪᠠᠰᠤᠷᠠᠭᠤᠯᠬᠤ ᠠᠵᠦ ᠠᠬᠤᠶᠢᠯᠠᠯ ᠢ 40 ᠪᠤᠯᠭᠠᠵᠦ᠂ 50 ᠳ᠋ᠦᠩᠰᠢᠭᠤᠷ ᠲᠦᠬᠦᠷᠢᠭ ᠤᠨ ᠦᠢᠯᠡᠳᠬᠦᠨ ᠤ ᠦᠷᠳᠡᠭ ᠢ ᠪᠠᠶᠠᠯᠠᠬᠦᠯᠦᠨ᠎ᠡ᠃ ᠯᠠᠨ ᠲᠢᠶᠠᠨ᠂ ᠸᠧᠢ ᠰᠢᠨ᠂ ᠮᠧᠩ ᠭᠥᠸᠧ ᠯᠧ ᠵᠡᠷᠭᠡ ᠤᠯᠠᠭᠠᠨ ᠢᠳᠡᠭᠡᠨ ᠪᠤᠯᠪᠠᠰᠤᠷᠠᠭᠤᠯᠬᠤ ᠠᠵᠦ ᠠᠬᠤᠶᠢᠯᠠᠯ ᠤᠨ ᠲᠡᠰ ᠲᠡᠪᠰᠢᠯᠳᠡ ᠶᠢ ᠢᠳᠡᠪᠬᠢᠳᠡᠢ ᠲᠡᠮᠵᠢᠵᠦ᠂ ᠨᠠᠷᠢᠯᠢᠭ ᠪᠤᠯᠪᠠᠰᠤᠷᠠᠭᠤᠯᠤᠯᠳᠠ ᠶᠢᠨ ᠬᠡᠮᠵᠢᠶ᠎ᠠ ᠪᠠ ᠵᠠᠬ᠎ᠠ ᠲᠡᠯᠬᠡᠬᠦᠷ ᠲᠤ ᠡᠵᠡᠯᠡᠬᠦ ᠨᠤᠷᠮ᠎ᠡ ᠶᠢ ᠲᠡᠭᠡᠭᠰᠢᠯᠡᠬᠦᠯᠦᠨ᠂ ᠪᠦᠬᠦ ᠬᠤᠰᠢᠭᠤᠨ ᠤ ᠭᠡᠪᠴᠢᠶᠠᠵᠢᠯ ᠠᠴᠠ ᠲᠡᠭᠡᠭᠰᠢᠬᠢ ᠤᠯᠠᠭᠠᠨ ᠢᠳᠡᠭᠡᠨ ᠪᠤᠯᠪᠠᠰᠤᠷᠠᠭᠤᠯᠬᠤ ᠠᠵᠦ ᠠᠬᠤᠶᠢᠯᠠᠯ ᠢ 10 ᠪᠤᠯᠭᠠᠵᠦ᠂ 15 ᠳ᠋ᠦᠩᠰᠢᠭᠤᠷ ᠲᠦᠬᠦᠷᠢᠭ ᠤᠨ ᠦᠢᠯᠡᠳᠬᠦᠨ ᠤ ᠦᠷᠳᠡᠭ ᠢ ᠪᠠᠶᠡᠯᠡᠬᠦᠯᠦᠨ᠎ᠡ᠃ ᠦᠪᠤᠷ ᠮᠤᠩᠭᠤᠯ ᠤᠨ ᠮᠠᠯ ᠠᠵᠦ ᠠᠬᠤᠢ ᠶᠢ ᠬᠦᠭᠵᠢᠬᠦᠯᠬᠦ ᠪᠡᠯᠡ ᠤᠷᠤᠭᠤᠯᠤᠯᠳᠠ ᠶᠢᠨ ᠬᠠᠮᠢᠶᠠᠷᠤᠯᠳᠠ ᠶᠢᠨ ᠬᠤᠯᠪᠤᠭᠠᠯᠠᠭᠰᠠᠨ ᠲᠦᠷᠦᠯ ᠵᠦᠢᠯ ᠳᠤ ᠲᠦᠰᠢᠭᠯᠡᠵᠦ᠂ ᠸᠧᠨᠵᠸᠤ ᠬᠤᠳᠠᠯᠳᠤᠭᠠᠴᠢᠳ ᠤᠨ ᠡᠪᠯᠡᠯ  ᠤᠨ ᠨᠡᠷ᠎ᠡ ᠠᠯᠳᠠᠷ ᠢ ᠠᠰᠢᠭᠯᠠᠨ᠂ ᠰᠦᠨᠢᠳ ᠬᠤᠨᠢᠨ ᠤ ᠨᠡᠷᠡᠳᠤ ᠲᠡᠮᠳᠡᠭ ᠢ ᠴᠢᠨᠠᠭᠰᠢᠳᠠ ᠤᠬᠠᠭᠤᠯᠤᠨ ᠲᠦᠭᠡᠮᠡᠯᠵᠢᠬᠦᠯᠵᠦ᠂ ᠨᠡᠷ᠎ᠡ ᠨᠦᠯᠦᠬᠡ ᠶᠢ ᠲᠡᠰᠤᠷᠡᠯᠳᠡ ᠦᠬᠡᠢ ᠲᠡᠭᠡᠭᠰᠢᠯᠡᠬᠦᠯᠵᠦ᠂ ᠴᠢᠨᠡᠷ ᠰᠠᠶᠢᠳᠠᠢ ᠰᠦᠨᠢᠳ ᠬᠤᠨᠢᠨ ᠮᠢᠬ᠎ᠠ ᠪᠠᠨ ᠦᠨ᠎ᠡ ᠳᠤ ᠬᠦᠷᠭᠡᠨ᠎ᠡ᠃ ᠪᠦᠬᠦ ᠠᠶᠢᠮᠠᠭ ᠤᠨ ᠲᠤᠮᠤ ᠲᠤᠭ᠎ᠠ ᠪᠡᠷᠢᠮᠳᠡ ᠶᠢᠨ ᠲᠦᠪ ᠤᠨ ᠪᠠᠶᠢᠭᠤᠯᠤᠯᠳᠠ ᠳᠤ ᠲᠦᠰᠢᠭᠯᠡᠵᠦ᠂ ᠵᠢᠩ ᠳ᠋ᠦᠩ ᠦᠢᠯᠡᠴᠢᠯᠡᠬᠡᠨ ᠤ ᠲᠦᠪ ᠪᠠ ᠡᠳ᠋ ᠪᠠᠷᠠᠭᠠᠨ ᠤ ᠬᠦᠢᠯᠬᠡᠬᠡᠨ ᠤ ᠲᠤᠬᠢᠷᠠᠭᠤᠯᠤᠨ ᠬᠦᠷᠭᠡᠬᠦ ᠲᠦᠪ ᠢ ᠠᠰᠢᠭᠯᠠᠵᠦ᠂ ᠰᠦᠨᠢᠳ ᠬᠤᠳᠠᠯᠳᠤᠭᠠᠴᠢᠳ ᠤᠨ ᠡᠪᠯᠠᠯ ᠤᠨ ᠲᠠᠪᠠᠭᠤᠯᠢᠭ ᠢ ᠬᠦᠢᠴᠡᠳ ᠪᠠᠳᠠᠷᠠᠭᠤᠯᠤᠨ᠂ ︽ᠢᠨᠲ᠋ᠧᠷᠨᠧᠲ ᠰᠦᠯᠵᠢᠶ᠎ᠠ +︾ ᠰᠦᠯᠵᠢᠶᠠᠨ ᠠᠷᠠᠯᠵᠢᠶ᠎ᠠ ᠪᠠ ᠪᠤᠳᠠᠳᠤ ᠲᠡᠯᠬᠡᠬᠦᠷ ᠢ ᠤᠶᠠᠯᠳᠤᠭᠤᠯᠬᠤ ᠭᠡᠯᠪᠡᠷᠢ ᠪᠠᠷ᠂ ᠲᠤᠰᠬᠠᠢ ᠡᠵᠡᠩᠨᠡᠨ ᠪᠤᠷᠤᠯᠠᠭᠤᠯᠬᠤ ᠲᠡᠪᠴᠠᠩ ᠪᠠᠶᠢᠭᠤᠯᠵᠦ᠂ ᠰᠦᠨᠢᠳ ᠨᠤᠳᠤᠭ  ᠤᠨ ᠨᠤᠯᠤᠤᠷ᠂ ᠤᠯᠠᠭᠠᠨ ᠢᠳᠡᠬᠡᠨ᠂ ᠦᠨᠳᠤᠰᠤᠳᠠᠨ ᠤ ᠬᠤᠪᠴᠠᠰᠤ ᠵᠠᠰᠠᠯ ᠪᠠ ᠭᠠᠷ ᠤᠷᠠᠯᠠᠯ ᠤᠨ ᠪᠦᠳᠤᠭᠡᠭᠳᠡᠬᠦᠨ ᠵᠡᠷᠭᠡ ᠤᠨᠴᠠᠯᠢᠭᠳᠤ ᠪᠦᠳᠤᠭᠡᠭᠳᠡᠬᠦᠨ ᠤ ᠡᠯᠧᠺᠲᠷᠤᠨᠴᠢᠯᠠᠭᠰᠠᠨ ᠬᠤᠳᠠᠯᠳᠤᠭᠠᠨ ᠤ ᠲᠠᠪᠴᠠᠩ ᠢ ᠬᠦᠭᠵᠢᠬᠦᠯᠦᠨ᠎ᠡ᠃     ᠬᠤᠶᠠᠷ ᠲᠤ ᠠᠵᠦ ᠦᠢᠯᠡᠳᠪᠤᠷᠢ ᠶᠢᠨ ᠠᠵᠦ ᠠᠬᠤᠢ ᠶᠢ ᠰᠢᠯᠢᠳᠡᠭᠵᠢᠬᠦᠯᠦᠨ ᠲᠡᠰ ᠲᠡᠪᠰᠢᠬᠦᠯᠦᠨ᠎ᠡ᠃ ︽ᠤᠯᠠᠮᠵᠢᠯᠠᠯᠳᠤ ᠠᠵᠦ ᠤᠶᠢᠯᠠᠰ ᠤᠨ ᠰᠢᠨ᠎ᠡ ᠭᠡᠯᠪᠡᠷᠢᠵᠢᠯᠳᠡ᠂ ᠰᠢᠨ᠎ᠡ ᠠᠵᠦ ᠦᠢᠯᠡᠰ ᠤᠨ ᠭᠡᠪᠴᠢᠶᠠᠵᠢᠯᠳᠡ᠂ ᠲᠤᠯᠭᠠᠭᠤᠷᠢᠯᠠᠬᠤ ᠠᠵᠦ ᠦᠢᠯᠡᠰ ᠤᠨ ᠤᠯᠠᠨ ᠡᠰᠢᠴᠢᠯᠠᠯᠳᠠ︾ ᠶᠢᠨ ᠬᠦᠭᠵᠢᠯᠳᠡ ᠶᠢᠨ ᠴᠢᠭᠯᠡᠯ ᠶᠤᠰᠤᠭᠠᠷ᠂ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠭᠡᠯᠪᠡᠷᠢ ᠶᠢ ᠬᠤᠪᠢᠷᠠᠭᠤᠯᠵᠦ᠂ ᠡᠬᠢ ᠪᠠᠶᠠᠯᠢᠭ ᠤᠨ ᠭᠡᠯᠪᠡᠷᠢᠳᠤ ᠠᠵᠦ ᠦᠢᠯᠡᠰ ᠤᠨ ᠬᠡᠯᠬᠢᠶ᠎ᠠ ᠶᠢ ᠤᠷᠳᠤᠳᠬᠠᠵᠦ᠂ ᠠᠵᠦ ᠦᠢᠯᠡᠳᠪᠤᠷᠢ ᠶᠢᠨ ᠠᠵᠦ ᠠᠬᠤᠢ ᠶᠢ ᠡᠷᠴᠢᠮᠵᠢᠬᠦᠯᠦᠨ ᠬᠦᠭᠵᠢᠬᠦᠯᠦᠨ᠎ᠡ᠃ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦ ᠶᠢ ᠢᠳᠡᠪᠬᠢᠳᠡᠢ ᠠᠬᠢᠭᠤᠯᠤᠨ᠎ᠠ ᠃ ᠰᠢᠨ ᠮᠧᠩ ᠰᠢᠨ ᠮᠡᠲ᠋ᠧᠷᠢᠶᠠᠯ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠶᠢᠨ ᠰᠢ ᠰᠢᠵᠢᠷ ᠠᠯᠳᠠᠨ ᠤ ᠺᠤᠮᠫᠠᠨᠢ ᠪᠤᠯᠤᠨ ᠹᠧᠩ ᠯᠧᠢ ᠠᠭᠤᠷᠬᠠᠢ ᠶᠢᠨ ᠰᠠᠶᠢᠵᠢᠷᠠᠭᠤᠯᠤᠯᠳᠠ ᠪᠡ ᠦᠷ᠎ᠡ ᠠᠰᠢᠭ ᠤᠨ ᠲᠡᠭᠡᠭᠰᠢᠯᠡᠯᠳᠡ ᠶᠢ ᠲᠦᠯᠬᠢᠨ ᠠᠬᠢᠭᠤᠯᠵᠦ᠂ ᠰᠠᠶᠢᠬᠠᠨᠳᠠᠯ᠎ᠠ ᠨᠡᠬᠦᠷᠡᠰᠤᠨ ᠠᠭᠤᠷᠬᠠᠢ ᠶᠢᠨ ᠡᠮᠤᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠭᠡᠯ ᠠᠵᠢᠯ ᠪᠠ ᠡᠯ᠎ᠡ ᠵᠦᠢᠯ ᠤᠨ ᠭᠠᠷᠳᠡᠮ ᠬᠦᠢᠴᠡᠳᠭᠡᠯ ᠢ ᠵᠤᠬᠢᠴᠠᠭᠤᠯᠤᠨ᠎ᠠ᠃ ᠪᠤᠤ ᠳ᠋ᠧ ᠯᠢ ᠶᠢᠨ ᠵᠢᠯ ᠤᠨ ᠭᠠᠷᠤᠯᠳᠠ 30 ᠲᠦᠮᠡᠨ ᠲᠤᠨ ᠤ ᠬᠠᠶᠢᠯᠤᠭᠤᠷ ᠵᠤᠩᠰᠢ ᠶᠢᠨ ᠠᠭᠤᠷᠬᠠᠢ ᠶᠢᠨ ᠲᠦᠷᠦᠯ ᠵᠦᠢᠯ ᠢ ᠲᠦᠷᠭᠡᠨ ᠡᠬᠢᠯᠡᠬᠦᠯᠦᠨ᠎ᠡ᠃ ᠰᠢᠩ ᠴᠢ ᠶᠤᠸᠠᠨ ᠰᠠᠯᠬᠢᠨ ᠬᠦᠴᠦᠨ ᠤ ᠴᠠᠬᠢᠯᠭᠠᠨ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠪᠤᠤ ᠾᠧᠩ ᠰᠠᠯᠬᠢᠨ ᠬᠦᠴᠦᠨ ᠤ ᠴᠠᠬᠢᠯᠭᠠᠨ ᠤ ᠨᠢᠭᠡᠳᠤᠭᠡᠷ ᠬᠤᠭᠤᠴᠠᠭᠠᠨ ᠤ ᠲᠦᠷᠦᠯ ᠵᠦᠢᠯ᠂ ᠭᠦᠸᠧ ᠳ᠋ᠢᠶᠠᠨ ᠵᠢᠷᠦᠬᠡ ᠶᠢᠨ ᠰᠠᠯᠬᠢᠨ ᠬᠦᠴᠦᠨ ᠤ ᠴᠠᠬᠢᠯᠭᠠᠨ ᠤ ᠲᠠᠯᠠᠪᠤᠷ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠵᠦ᠂ 10 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠰᠠᠯᠬᠢᠨ ᠬᠦᠴᠦᠨ ᠤ ᠴᠠᠬᠢᠯᠭᠠᠨ ᠤ ᠲᠤᠤᠷ ᠲᠤ ᠨᠡᠶᠢᠯᠡᠬᠦᠯᠦᠭᠰᠡᠨ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ 76 ᠲᠦᠮᠡᠨ ᠺᠢᠯᠤᠸᠡᠲ᠂ ᠨᠡᠷᠡᠨ ᠡᠨᠧᠷᠬᠢ ᠶᠢᠨ ᠴᠠᠬᠢᠯᠭᠠᠨ ᠤ ᠲᠤᠤᠷ ᠲᠤ ᠨᠡᠶᠢᠯᠡᠬᠦᠯᠦᠭᠰᠡᠨ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ 9 ᠲᠦᠮᠡᠨ ᠺᠢᠯᠦᠸᠡᠲ ᠲᠤ ᠬᠦᠷᠭᠡᠨ᠎ᠡ᠃ ᠠᠵᠦ ᠦᠢᠯᠡᠰ ᠤᠨ ᠲᠤᠭᠤᠷᠢᠭ ᠤᠨ ᠴᠢᠳᠠᠪᠬᠢ ᠶᠢ ᠢᠵᠢ ᠪᠦᠷᠢᠳᠤᠬᠦᠯᠦᠨ᠎ᠡ᠃ 1.6 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠵᠦ᠂ ᠰᠠᠶᠢᠬᠠᠨᠳᠠᠯ᠎ᠠ ᠨᠤᠤᠰᠤᠨ ᠨᠡᠭᠡᠮᠡᠯ ᠤᠨ ᠠᠵᠦ ᠤᠶᠢᠯᠠᠰ ᠤᠨ ᠡᠷᠬᠢᠯᠳᠡᠳᠤ ᠠᠵᠦ ᠠᠬᠤᠢ ᠶᠢᠨ ᠲᠤᠭᠤᠷᠢᠭ ᠤᠨ ᠭᠠᠵᠡᠷ ᠲᠤᠤᠷᠡᠬᠢ ᠶᠡᠷᠦᠩᠭᠡᠢ ᠬᠤᠭᠤᠯᠠᠢ ᠶᠢᠨ ᠦᠬᠡᠷᠡᠴᠢᠯᠠᠯᠳᠠ ᠪᠠ ᠪᠤᠵᠡᠷ ᠤᠰᠤ ᠰᠢᠢᠳᠪᠤᠷᠢᠯᠠᠬᠦ ᠦᠢᠯᠡᠳᠪᠤᠷᠢ ᠶᠢᠨ ᠪᠦᠳᠤᠭᠡᠨ ᠪᠠᠶᠢᠭᠤᠯᠤᠯᠳᠠ ᠶᠢ ᠲᠠᠭᠤᠰᠬᠠᠵᠦ᠂ ᠡᠨᠡ ᠵᠢᠯ ᠳᠡᠭᠡᠨ ᠠᠰᠢᠭᠯᠠᠯᠳᠠ ᠳᠤ ᠤᠷᠤᠭᠤᠯᠤᠨ᠎ᠠ᠃ ᠲᠤᠭᠤᠷᠢᠭ ᠤᠨ ᠴᠠᠬᠢᠯᠭᠠᠨ᠂ ᠢᠯᠴᠢ ᠬᠠᠩᠭᠠᠯᠭ᠎ᠠ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠲᠤᠭᠤᠷᠢᠭ ᠤᠨ ᠲᠠᠭᠠᠭᠠᠴᠠ ᠶᠢ ᠲᠡᠭᠡᠭᠰᠢᠯᠡᠬᠦᠯᠦᠨ᠎ᠡ᠃ ᠠᠷᠠᠯᠵᠢᠶᠠᠴᠢᠨ ᠤᠷᠢᠵᠦ ᠪᠡᠯᠡ ᠤᠷᠤᠭᠤᠯᠤᠯᠳᠠ ᠪᠠᠨ ᠨᠡᠮᠡᠭᠳᠡᠬᠦᠯᠦᠨ᠎ᠡ᠃ ᠪᠡᠭᠡᠵᠢᠩ ᠲᠢᠶᠠᠨᠵᠢᠨ ᠡᠾᠧᠪᠸᠢ᠂ ᠬᠦᠬᠡᠬᠤᠳᠠ ᠪᠤᠭᠤᠳᠤ ᠤᠷᠳᠤᠰ᠂ ᠰᠢᠯᠢᠩᠬᠤᠳᠠ ᠤᠯᠠᠭᠠᠨᠬᠠᠳᠠ ᠲᠦᠩᠯᠢᠶᠤᠤ ᠵᠡᠷᠭᠡ ᠠᠵᠦ ᠠᠬᠤᠢ ᠶᠢᠨ ᠲᠤᠭᠤᠷᠢᠭ ᠲᠤ ᠢᠳᠡᠪᠬᠢᠳᠡᠢ ᠠᠭᠤᠰᠤᠯᠴᠠᠵᠦ᠂ ᠮᠡᠨ ᠤ ᠬᠤᠰᠢᠭᠤᠨ ᠤ ᠪᠠᠨ ᠤᠷᠤᠨ ᠪᠠᠶᠢᠷᠢᠰᠢᠯ ᠤᠨ ᠲᠠᠪᠠᠭᠤᠯᠢᠭ᠂ ᠵᠡᠮ ᠬᠠᠷᠢᠯᠴᠠᠭᠠᠨ ᠤ ᠲᠠᠪᠠᠭᠤᠯᠢᠭ ᠪᠠ ᠡᠬᠢ ᠪᠠᠶᠠᠯᠢᠭ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠦ᠂ ᠲᠠᠶᠢᠴᠢᠯᠠᠯᠳᠠ ᠶᠢᠨ ᠴᠢᠳᠠᠪᠤᠷᠢ ᠲᠠᠢ᠂ ᠬᠦᠭᠵᠢᠯᠳᠡ ᠶᠢᠨ ᠢᠷᠡᠬᠡᠳᠦᠢ ᠰᠠᠷᠠᠭᠤᠯ᠂ ᠮᠡᠨ  ᠤ ᠬᠤᠰᠢᠭᠤᠨ ᠤ ᠠᠵᠦ ᠦᠢᠯᠡᠰ ᠤᠨ ᠬᠦᠭᠵᠢᠯᠳᠡ ᠲᠠᠢ ᠬᠤᠯᠪᠤᠭ᠎ᠠ ᠲᠠᠢ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠶᠡᠬᠡᠪᠡᠷ ᠤᠷᠢᠨ ᠤᠷᠤᠭᠤᠯᠤᠨ᠎ᠠ᠃ ᠨᠤᠤᠰᠤ ᠨᠤᠯᠤᠤᠷ᠂ ᠬᠠᠯᠠᠭᠤᠨ ᠷᠠᠰᠢᠶᠠᠨ ᠵᠡᠷᠭᠡ ᠤᠨᠴᠠᠯᠢᠭᠳᠤ ᠲᠠᠪᠠᠭᠤᠯᠢᠭ ᠠᠵᠦ ᠦᠢᠯᠡᠰ ᠤᠨ ᠲᠤᠭᠤᠷᠢᠨ ᠳᠤ᠂ ︽ᠭᠠᠳᠠᠭᠰᠢ ᠭᠠᠷᠴᠦ︾ ᠠᠷᠠᠯᠵᠢᠶᠠᠴᠢᠨ ᠤᠷᠢᠬᠤ ᠠᠷᠭ᠎ᠠ ᠭᠡᠯᠪᠡᠷᠢ ᠪᠠᠷ᠂ ᠵᠢᠶᠠᠩᠰᠦ᠂ ᠵᠧᠵᠢᠶᠠᠩ᠂ ᠭᠤᠸᠠᠩᠳᠦ᠋ᠩ ᠵᠡᠷᠭᠡ ᠨᠡᠭᠡᠮᠡᠯ ᠤᠨ ᠠᠵᠦ ᠦᠢᠯᠡᠰ ᠬᠦᠭᠵᠢᠭᠰᠡᠨ ᠭᠠᠵᠡᠷ ᠤᠷᠤᠨ ᠳᠤ ᠬᠦᠷᠴᠦ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠠᠵᠢᠯᠯᠠᠭ᠎ᠠ ᠦᠷᠨᠢᠬᠦᠯᠵᠦ᠂ ᠬᠦᠭᠡᠬᠤᠳᠠ᠂ ᠪᠤᠭᠤᠳᠤ ᠵᠡᠷᠭᠡ ᠭᠠᠵᠡᠷ ᠤᠷᠤᠨ ᠳᠤ ᠬᠠᠯᠠᠭᠤᠨ ᠷᠠᠰᠢᠶᠠᠨ ᠤ ᠠᠵᠦ ᠦᠢᠯᠡᠰ ᠤᠨ ᠬᠦᠭᠵᠢᠯᠳᠡ ᠶᠢᠨ ᠲᠤᠰᠬᠠᠢ ᠲᠠᠨᠢᠯᠴᠠᠭᠤᠯᠭ᠎ᠠ ᠶᠢᠨ ᠬᠤᠷᠠᠯ ᠬᠢᠵᠦ᠂ ᠮᠡᠨ ᠤ ᠬᠤᠰᠢᠭᠤᠨ ᠤ ᠪᠠᠨ ᠬᠠᠯᠠᠭᠤᠨ ᠷᠠᠰᠢᠶᠠᠨ ᠤ ᠨᠡᠷ᠎ᠡ ᠨᠦᠯᠦᠬᠡ ᠪᠠ ᠨᠡᠷᠡᠳᠤ ᠲᠡᠮᠳᠡᠭ ᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃ ᠲᠦᠷᠦᠯ ᠵᠦᠢᠯ ᠢ ᠮᠦᠷᠳᠡᠨ ᠵᠤᠯᠭᠠᠭᠤᠯᠬᠤ ᠪᠠ ᠬᠤᠶᠢᠨᠠᠬᠢ ᠦᠢᠯᠡᠴᠢᠯᠡᠭᠡ ᠶᠢ ᠴᠢᠩᠭᠠᠳᠬᠠᠵᠦ᠂ ᠲᠦᠷᠦᠯ ᠵᠦᠢᠯ ᠵᠦᠪᠯᠡᠯᠴᠡᠪᠡᠯ ᠲᠦᠷᠭᠡᠨ ᠲᠤᠭᠳᠠᠬᠤ᠂ ᠲᠦᠷᠦᠯ ᠵᠦᠢᠯ ᠲᠤᠭᠳᠠᠪᠠᠯ ᠲᠦᠷᠭᠡᠨ ᠡᠬᠢᠯᠡᠬᠦᠯᠬᠦ᠂ ᠲᠦᠷᠦᠯ ᠵᠦᠢᠯ ᠡᠬᠢᠯᠡᠬᠦᠯᠪᠡᠯ ᠲᠦᠷᠭᠡᠨ ᠠᠰᠢᠭᠯᠠᠯᠳᠠ ᠳᠤ ᠤᠷᠤᠭᠤᠯᠬᠤ  ᠶᠢ ᠠᠬᠢᠭᠤᠯᠤᠨ᠎ᠠ᠃ ᠲᠤᠰ ᠵᠢᠯ ᠳᠤ ᠤᠷᠤᠨ ᠤ ᠲᠤᠳᠤᠨ᠎ᠠ ᠭᠠᠳᠠᠨᠠᠬᠢ 21.5 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠲᠡᠳᠡᠨ ᠤᠷᠤᠭᠤᠯᠤᠨ᠎ᠠ᠃     ᠭᠤᠷᠪᠡ ᠳᠤ ᠦᠢᠯᠡᠴᠢᠯᠠᠬᠡᠨ ᠤ ᠦᠢᠯᠡᠰ ᠤᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠰᠤᠶᠤᠯ ᠵᠢᠭᠤᠯᠴᠢᠯᠠᠯ ᠢ ᠬᠦᠭᠵᠢᠬᠦᠯᠬᠦ᠂ ᠦᠢᠯᠡᠴᠢᠯᠠᠬᠡᠨ ᠤ ᠦᠢᠯᠡᠰ ᠤᠨ ᠲᠡᠰ ᠢ ᠲᠡᠪᠰᠢᠬᠦᠯᠬᠦ᠂ ᠲᠤᠮᠳᠠ ᠵᠢᠵᠢᠭ ᠠᠵᠦ ᠠᠬᠤᠶᠢᠯᠠᠯ ᠢ ᠬᠦᠭᠵᠢᠬᠦᠯᠬᠦ ᠪᠠᠷ ᠭᠤᠤᠯᠳᠠᠯᠭ᠎ᠠ ᠪᠤᠯᠭᠠᠵᠦ᠂ ᠦᠢᠯᠡᠴᠢᠯᠠᠬᠡᠨ ᠤ ᠦᠢᠯᠡᠰ ᠢ ᠲᠦᠷᠭᠡᠨ ᠬᠦᠭᠵᠢᠬᠦᠯᠵᠦ᠂ ᠡᠵᠡᠯᠡᠬᠦ ᠬᠠᠷᠢᠴᠠᠯ ᠢ ᠨᠢ ᠲᠡᠭᠡᠭᠰᠢᠯᠡᠬᠦᠯᠦᠨ᠂ ᠴᠢᠨᠡᠷ ᠴᠢᠨᠰᠠᠭ᠎ᠠ ᠶᠢ ᠨᠢ ᠰᠠᠶᠢᠵᠢᠷᠠᠭᠤᠯᠤᠨ᠎ᠠ᠃ ᠰᠤᠶᠤᠯ ᠵᠢᠭᠤᠯᠴᠢᠯᠠᠯ  ᠤᠨ ᠦᠢᠯᠡᠰ ᠢ ᠬᠦᠴᠦᠷᠭᠡᠭᠵᠢᠬᠦᠯᠦᠨ ᠪᠤᠵᠠᠭᠠᠶᠢᠷᠠᠭᠤᠯᠤᠨ᠎ᠠ᠃ ᠰᠠᠶᠢᠬᠠᠨᠳᠠᠯ᠎ᠠ ᠬᠠᠯᠠᠭᠤᠨ ᠷᠠᠰᠢᠶᠠᠨ ᠤ ᠶᠡᠷᠦᠩᠭᠡᠢ ᠲᠦᠯᠦᠪᠵᠢᠬᠦᠯᠬᠡ ᠶᠢ ᠲᠦᠷᠭᠡᠨ ᠨᠠᠶᠢᠷᠠᠭᠤᠯᠤᠨ ᠲᠦᠯᠦᠪᠯᠡᠵᠦ᠂ ᠬᠠᠯᠠᠭᠤᠨ ᠷᠠᠰᠢᠶᠠᠨ ᠢ ᠨᠡᠭᠡᠭᠡᠨ ᠬᠦᠭᠵᠢᠬᠦᠯᠬᠦ ᠪᠤᠳᠠᠳᠤ ᠬᠦᠴᠦᠨ ᠲᠠᠢ ᠠᠵᠦ ᠠᠬᠤᠶᠢᠯᠠᠯ ᠢ ᠦᠷᠬᠦᠯᠵᠢᠯᠡᠨ ᠤᠷᠢᠨ ᠤᠷᠤᠭᠤᠯᠵᠦ᠂ ᠬᠠᠯᠠᠭᠤᠨ ᠷᠠᠰᠢᠶᠠᠨ ᠤ ᠠᠵᠦ ᠦᠢᠯᠡᠰ ᠤᠨ ᠭᠡᠪᠴᠢᠶ᠎ᠠ ᠲᠡᠰ ᠢ ᠨᠡᠮᠡᠭᠳᠡᠬᠦᠯᠦᠨ᠎ᠡ᠃ ᠰᠠᠶᠢᠬᠠᠨᠳᠠᠯ᠎ᠠ ᠬᠠᠯᠠᠭᠤᠨ ᠷᠠᠰᠢᠶᠠᠨ ᠤ ᠵᠢᠭᠤᠯᠴᠢᠯᠠᠯ ᠤᠨ ᠤᠷᠤᠨ ᠤ ᠬᠤᠭ ᠨᠤᠪᠰᠢ ᠶᠢ ᠲᠡᠭᠡᠭᠡᠪᠤᠷᠢᠯᠠᠬᠦ ᠦᠷᠳᠡᠭᠡ᠂ ᠪᠤᠵᠡᠷ ᠤᠰᠤ ᠰᠢᠢᠳᠪᠤᠷᠢᠯᠠᠬᠦ ᠵᠡᠷᠭᠡ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠲᠡᠬᠦᠯᠳᠡᠷᠵᠢᠬᠦᠯᠵᠦ᠂ ᠨᠤᠮᠤᠭᠠᠨ ᠵᠠᠯᠠᠭᠤ ᠪᠠᠭᠠᠴᠤᠳ ᠤᠨ ᠭᠡᠭᠡᠷ᠎ᠡ ᠠᠶᠠᠯᠠᠯ ᠤᠨ ᠰᠠᠭᠤᠷᠢᠨ ᠭᠠᠵᠡᠷ ᠤᠨ ᠨᠢᠬᠡᠳᠤᠭᠡᠷ ᠬᠤᠭᠤᠴᠠᠭᠠᠨ ᠤ ᠪᠠᠷᠢᠯᠭ᠎ᠠ ᠶᠢ ᠲᠠᠭᠤᠰᠬᠠᠨ᠎ᠠ᠃ ᠬᠦᠭᠡᠬᠤᠳᠠ᠂ ᠡᠷᠢᠶᠠᠨ ᠬᠤᠳᠠ ᠵᠡᠷᠭᠡ ᠦᠢᠷ᠎ᠡ ᠬᠠᠪᠢ ᠶᠢᠨ ᠭᠠᠵᠡᠷ ᠤᠷᠤᠨ ᠤ ᠬᠤᠭᠤᠷᠤᠨᠳᠤᠬᠢ ᠵᠡᠮ ᠬᠠᠷᠢᠯᠴᠠᠭ᠎ᠠ ᠲᠦᠬᠦᠮ ᠪᠠ ᠵᠤᠷᠴᠢᠭᠰᠠᠳ ᠠᠷᠪᠢᠨ ᠪᠠᠶᠢᠳᠠᠭ ᠵᠠᠬ᠎ᠠ ᠲᠡᠯᠭᠡᠬᠦᠷ ᠤᠨ ᠲᠠᠪᠠᠭᠤᠯᠢᠭ ᠢᠶᠠᠨ ᠬᠦᠢᠴᠡᠳ ᠠᠰᠢᠭᠯᠠᠨ᠂ ᠵᠢᠭᠤᠯᠴᠢᠯᠠᠯ ᠤᠨ ᠱᠤᠭᠤᠮ ᠢ ᠨᠡᠭᠡᠭᠡᠵᠦ᠂ ᠮᠡᠨ ᠤ ᠬᠤᠰᠢᠭᠤᠨ ᠤ ᠪᠠᠨ ᠵᠢᠭᠤᠯᠴᠢᠯᠠᠯ ᠤᠨ ᠠᠵᠦ ᠤᠶᠢᠯᠠᠰ ᠤᠨ ᠲᠦᠷᠭᠡᠨ ᠬᠦᠭᠵᠢᠯᠳᠡ ᠶᠢ ᠠᠬᠢᠭᠤᠯᠤᠨ᠎ᠠ᠃ ᠵᠢᠱᠢᠯᠳᠠ ᠪᠠᠷ᠂ ᠵᠢᠯ ᠳᠤ 21.3 ᠲᠦᠮᠡᠨ ᠬᠦᠮᠦᠨ ᠤᠳᠠᠭ᠎ᠠ ᠵᠢᠭᠤᠯᠴᠢᠯᠠᠭᠴᠢᠳ ᠢ ᠬᠦᠯᠢᠶᠠᠨ ᠠᠪᠴᠦ᠂ 6000 ᠲᠦᠮᠡᠨ ᠲᠦᠬᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠪᠠᠶᠠᠯᠠᠬᠦᠯᠬᠦ ᠪᠤᠯᠤᠨ᠎ᠠ᠃ ᠦᠢᠯᠡᠴᠢᠯᠠᠬᠡᠨ ᠤ ᠦᠢᠯᠡᠰ ᠤᠨ ᠪᠦᠬᠦᠯᠢ ᠴᠤᠭᠴᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠢᠳᠡᠭᠡᠨ ᠤᠮᠳᠠᠭᠠᠨ᠂ ᠬᠤᠨᠤᠭ ᠪᠠᠶᠢᠷᠢ ᠵᠡᠷᠭᠡ ᠤᠯᠠᠮᠵᠢᠯᠠᠯᠳᠤ ᠦᠢᠯᠡᠴᠢᠯᠠᠬᠡᠨ ᠤ ᠦᠢᠯᠡᠰ ᠤᠨ ᠦᠬᠡᠷᠡᠴᠢᠯᠠᠯᠳᠠ ᠪᠡ ᠲᠡᠰ ᠲᠡᠪᠰᠢᠯᠳᠡ ᠶᠢ ᠪᠦᠬᠦ ᠲᠠᠯ᠎ᠠ ᠪᠠᠷ ᠰᠠᠶᠢᠳᠤᠷ ᠠᠳᠬᠤᠵᠦ᠂ ᠤᠯᠠᠮᠵᠢᠯᠠᠯᠳᠤ ᠦᠢᠯᠡᠴᠢᠯᠠᠬᠡᠨ  ᠤ ᠦᠢᠯᠡᠰ ᠢ ᠨᠠᠷᠢᠯᠢᠭᠵᠢᠭᠤᠯᠤᠨ᠂ ᠴᠢᠨᠡᠷ ᠢ ᠲᠡᠭᠡᠭᠰᠢᠯᠡᠬᠦᠯᠵᠦ᠂ ᠢᠳᠡᠭᠡᠨ ᠤᠮᠳᠠᠭᠠᠨ ᠬᠤᠨᠤᠭ ᠪᠠᠶᠢᠷᠢ ᠶᠢᠨ ᠦᠢᠯᠡᠰ ᠤᠨ ᠡᠷᠡᠬᠦᠯ ᠬᠦᠭᠵᠢᠯᠳᠡ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠳᠤ ᠦᠶ᠎ᠠ ᠶᠢᠨ ᠦᠢᠯᠡᠴᠢᠯᠠᠬᠡᠨ ᠤ ᠦᠢᠯᠡᠰ ᠢ ᠶᠡᠭᠡᠪᠡᠷ ᠬᠦᠭᠵᠢᠬᠦᠯᠵᠦ᠂ ᠭᠡᠷ ᠤᠨ ᠠᠵᠢᠯ ᠤᠨ ᠦᠢᠯᠡᠴᠢᠯᠠᠬᠡᠨ ᠤ ᠪᠠᠶᠢᠭᠤᠯᠤᠮᠵᠢ ᠶᠢ ᠡᠬᠦᠰᠬᠡᠨ ᠪᠠᠶᠢᠭᠤᠯᠵᠦ ᠡᠵᠡᠩᠨᠡᠬᠦ ᠶᠢ ᠵᠤᠷᠢᠭᠵᠢᠭᠤᠯᠤᠨ᠂ ᠲᠠᠪᠰᠢᠭᠰᠠᠨ ᠬᠠᠮᠢᠶᠠᠷᠤᠯᠳᠠ ᠲᠠᠢ᠂ ᠦᠢᠯᠡᠴᠢᠯᠡᠭᠡ ᠰᠠᠶᠢᠨ ᠭᠡᠷ ᠤᠨ ᠠᠵᠢᠯ ᠤᠨ ᠦᠢᠯᠡᠴᠢᠯᠠᠬᠡᠨ ᠤ ᠺᠤᠮᠫᠠᠨᠢ ᠶᠢ ᠢᠳᠡᠪᠬᠢᠳᠡᠢ ᠪᠠᠶᠢᠭᠤᠯᠤᠨ᠎ᠠ᠃ ᠭᠡᠷ ᠠᠬᠤᠢ ᠶᠢᠨ ᠺᠤᠮᠫᠠᠨᠢ ᠶᠢᠨ ᠦᠬᠡᠷᠡᠴᠢᠯᠠᠯᠳᠠ ᠪᠡ ᠲᠡᠰ ᠲᠡᠪᠰᠢᠯᠳᠡ ᠶᠢ ᠲᠤᠭᠳᠠᠭᠤᠨ ᠢᠶᠠᠷ ᠠᠬᠢᠭᠤᠯᠵᠦ᠂ ᠭᠡᠷ ᠠᠬᠤᠢ ᠶᠢᠨ ᠺᠤᠮᠫᠠᠨᠢ ᠶᠢᠨ ᠬᠠᠮᠢᠶᠠᠷᠤᠯᠳᠠ ᠶᠢᠨ ᠬᠢᠷᠢ ᠲᠦᠪᠰᠢᠨ ᠪᠠ ᠦᠢᠯᠡᠴᠢᠯᠡᠬᠡᠨ ᠤ ᠴᠢᠨᠡᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ᠠᠷᠠᠯᠵᠢᠶ᠎ᠠ ᠬᠤᠳᠠᠯᠳᠤᠭ᠎ᠠ ᠪᠡ ᠡᠳ᠋ ᠪᠠᠷᠠᠭᠠᠨ ᠤ ᠬᠦᠢᠯᠬᠡᠬᠡ᠂ ᠬᠦᠮᠦᠷᠭᠡᠯᠡᠨ ᠬᠠᠳᠠᠭᠠᠯᠠᠬᠤ ᠪᠡ ᠲᠦᠷᠢᠶᠡᠰᠦᠯᠡᠬᠦ ᠵᠡᠷᠭᠡ ᠠᠵᠢᠯ ᠲᠦᠷᠦᠯ ᠤᠨ ᠲᠦᠷᠢᠮᠵᠢᠭᠰᠡᠨ ᠪᠠᠶᠢᠭᠤᠯᠤᠯᠳᠠ ᠶᠢ ᠴᠢᠩᠭᠠᠳᠬᠠᠵᠦ᠂ ᠲᠠᠯ᠎ᠠ ᠨᠤᠳᠤᠭ ᠤᠨ ᠤᠨᠴᠠᠯᠢᠭ ᠪᠠ ᠦᠨᠳᠤᠰᠤᠳᠠᠨ ᠤ ᠤᠨᠴᠠᠯᠢᠭ ᠲᠠᠢ ᠨᠠᠰᠤᠵᠢᠯ᠂ ᠪᠠᠶ᠎ᠠ ᠲᠡᠮᠢᠷ᠂ ᠡᠮ ᠡᠮᠨᠡᠯᠬᠡ ᠡᠷᠡᠬᠦᠯᠵᠢᠯ ᠵᠡᠷᠭᠡ ᠰᠢᠨ᠎ᠡ ᠦᠢᠯᠡᠴᠢᠯᠠᠬᠡᠨ ᠤ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃  ︽ᠬᠠᠷᠢᠯᠴᠠᠨ ᠬᠠᠪᠰᠣᠷᠣᠯᠴᠠᠬᠤ ᠵᠢᠷᠭᠠᠯᠠᠩᠳᠣ ᠬᠦᠷᠢᠶᠡᠯᠡᠩ︾ ᠪᠣᠯᠣᠨ ᠮᠠᠯᠴᠢᠳ ᠤᠨ ᠭᠡᠷ ᠬᠦᠷᠢᠶᠡᠯᠡᠩ ᠢ ᠦᠨᠦ ᠵᠢᠯ ᠪᠠᠶᠢᠭᠤᠯᠬᠤ ᠳᠠᠭᠤᠰᠬᠠᠬᠤ ᠶᠢᠨ ᠬᠠᠮᠳᠣ ᠠᠰᠢᠭᠯᠠᠯᠳᠠ ᠳᠤ ᠣᠷᠣᠭᠤᠯᠬᠤ ᠶᠢ ᠪᠠᠳᠣᠯᠠᠵᠣ᠂ ᠴᠠᠩ ᠱᠧᠩ ᠪᠠᠷᠠᠭᠠᠨ ᠤ ᠭᠦᠢᠯᠭᠡᠭᠡᠨ ᠤ ᠲᠦᠪ ᠢ 4 ᠰᠠᠷ᠎ᠠ ᠳᠤ ᠵᠢᠩᠬᠢᠨᠢ ᠪᠠᠷ ᠠᠰᠢᠭᠯᠠᠯᠳᠠ ᠳᠤ ᠣᠷᠣᠭᠤᠯᠣᠨ᠎ᠠ᠃ ᠲᠣᠮᠳᠠ ᠪᠠᠭ᠎ᠠ ᠵᠢᠵᠢᠭ ᠠᠵᠣ ᠠᠬᠤᠶᠢᠯᠠᠯ ᠤᠨ ᠲᠦᠷᠭᠡᠨ ᠬᠦᠭᠵᠢᠯᠳᠡ ᠶᠢ ᠠᠬᠢᠭᠤᠯᠣᠨ᠎ᠠ᠃ ᠳᠣᠮᠳᠠ ᠪᠠᠭ᠎ᠠ ᠵᠢᠵᠢᠭ ᠠᠵᠣ ᠠᠬᠤᠶᠢᠯᠠᠯ ᠤᠨ ᠬᠦᠭᠵᠢᠯᠳᠡ ᠶᠢ ᠠᠬᠢᠭᠤᠯᠬᠤ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠲᠡᠮᠵᠢᠬᠦ ᠪᠠ ᠦᠢᠯᠡᠴᠢᠯᠡᠭᠡ ᠪᠠᠨ ᠨᠡᠮᠡᠭᠳᠡᠭᠦᠯᠵᠦ᠂ ᠡᠵᠡᠩᠨᠡᠯᠳᠡ ᠶᠢᠨ ᠵᠦᠪᠰᠢᠶᠡᠷᠡᠯ ᠣᠯᠬᠤ ᠨᠦᠬᠦᠴᠡᠯ ᠢ ᠠᠭᠤᠵᠢᠭᠤ ᠲᠠᠯᠪᠢᠵᠣ᠂ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠳᠠᠷᠠᠭᠠᠰᠣ ᠶᠢ ᠨᠢ ᠬᠦᠩᠭᠡᠯᠡᠵᠦ᠂ ᠳᠣᠮᠳᠠ ᠪᠠᠭ᠎ᠠ ᠵᠢᠵᠢᠭ ᠠᠵᠣ ᠠᠬᠤᠶᠢᠯᠠᠯ ᠤᠨ ᠬᠦᠭᠵᠢᠨ ᠪᠣᠵᠠᠭᠠᠶᠢᠷᠠᠬᠤ ᠶᠢ ᠠᠬᠢᠭᠤᠯᠣᠨ᠎ᠠ᠃ ᠦᠨᠳᠦᠰᠦᠳᠡᠨ ᠤ ᠢᠳᠡᠭᠡᠨ ᠣᠮᠳᠠᠭᠠᠨ᠂ ᠦᠨᠳᠦᠰᠦᠳᠡᠨ ᠤ ᠬᠤᠪᠴᠠᠰᠣ ᠵᠠᠰᠠᠯ ᠤᠨ ᠦᠢᠯᠡᠳᠪᠦᠷᠢᠯᠡᠯ᠂ ᠭᠠᠷ ᠣᠷᠠᠯᠠᠯ ᠤᠨ ᠪᠦᠲᠦᠭᠡᠭᠳᠡᠭᠦᠨ ᠤ ᠦᠢᠯᠡᠳᠪᠦᠷᠢᠯᠡᠯ᠂ ᠵᠠᠭᠤᠴᠢ ᠦᠢᠯᠡᠴᠢᠯᠡᠭᠡ ᠵᠡᠷᠭᠡ ᠬᠦᠷᠢᠶ᠎ᠡ ᠬᠡᠪᠴᠢᠶᠡᠨ ᠤ ᠲᠣᠭᠤᠷᠢᠨ ᠳᠤ᠂ ᠨᠢᠭᠡ ᠪᠦᠯᠦᠭ ᠳᠠᠪᠠᠭᠤᠯᠢᠭ ᠣᠨᠴᠠᠯᠢᠭ ᠲᠠᠢ ᠳᠣᠮᠳᠠ ᠪᠠᠭ᠎ᠠ ᠵᠢᠵᠢᠭ ᠠᠵᠣ ᠠᠬᠤᠶᠢᠯᠠᠯ ᠢ ᠲᠦᠷᠭᠡᠨ ᠬᠦᠭᠵᠢᠭᠦᠯᠵᠦ᠂ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠳᠡ ᠶᠢᠨ ᠢᠳᠡᠪᠬᠢᠵᠢᠯ ᠢ ᠦᠨᠡᠨᠬᠦ ᠳᠡᠭᠡᠭᠰᠢᠯᠡᠭᠦᠯᠦᠨ᠎ᠡ᠃ ᠦᠨᠦ ᠵᠢᠯ ᠳᠤ ᠠᠷᠪᠠᠭᠠᠳ ᠪᠠᠭ᠎ᠠ ᠵᠢᠵᠢᠭ ᠠᠵᠣ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠎ᠡ᠃     ︵ᠭᠤᠷᠪᠠ︶ ᠪᠣᠬᠢᠷᠳᠣᠯ ᠦᠭᠡᠢ ᠬᠦᠭᠵᠢᠯᠳᠡ ᠪᠠᠷ ᠦᠨᠳᠦᠰᠦᠨ ᠪᠠᠳᠣᠯᠠᠭ᠎ᠠ ᠪᠣᠯᠭᠠᠵᠣ᠂ ᠠᠮᠢ ᠠᠬᠤᠢ ᠶᠢᠨ ᠠᠮᠣᠷ ᠲᠦᠪᠰᠢᠨ ᠢ ᠪᠠᠬᠢᠵᠢᠭᠦᠯᠦᠨ᠎ᠡ     ᠨᠢᠭᠡ ᠳᠤ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠪᠠᠶᠢᠭᠤᠯᠣᠯᠳᠠ ᠶᠢ ᠲᠦᠷᠭᠡᠳᠭᠡᠨ᠎ᠡ᠃ ︽ᠬᠠᠮᠠᠭᠠᠯᠠᠯᠳᠠ ᠳᠣᠮᠳᠠ ᠬᠦᠭᠵᠢᠭᠦᠯᠬᠦ᠂ ᠬᠦᠭᠵᠢᠭᠦᠯᠦᠯᠳᠡ ᠳᠣᠮᠳᠠ ᠬᠠᠮᠠᠭᠠᠯᠠᠬᠤ︾ ᠪᠣᠬᠢᠷᠳᠣᠯ ᠦᠭᠡᠢ ᠬᠦᠭᠵᠢᠯᠳᠡ  ᠶᠢᠨ ᠦᠵᠡᠯᠳᠡ ᠶᠢ ᠪᠠᠷᠢᠮᠳᠠᠯᠠᠵᠣ᠂ ᠬᠠᠮᠤᠭ ᠴᠢᠩᠭ᠎ᠠ ᠬᠠᠮᠢᠶᠠᠷᠣᠨ ᠡᠵᠡᠮᠳᠡᠬᠦ ᠲᠦᠷᠢᠮ ᠢ ᠬᠡᠷᠡᠭᠵᠢᠭᠦᠯᠵᠦ᠂ ᠨᠣᠳᠤᠭ ᠪᠡᠯᠴᠢᠭᠡᠷ ᠤᠨ ᠲᠠᠯᠠᠪᠠᠢ ᠬᠤᠪᠢᠷᠠᠬᠤ ᠦᠭᠡᠢ᠂ ᠶᠠᠰᠣ ᠴᠢᠨᠠᠷ ᠮᠠᠭᠤᠳᠠᠬᠤ ᠦᠭᠡᠢ ᠪᠠᠶᠢᠬᠤ ᠶᠢ ᠪᠠᠳᠣᠯᠠᠬᠤ ᠬᠡᠷᠡᠭᠳᠠᠢ᠃ ᠲᠠᠯ᠎ᠠ ᠨᠣᠳᠤᠭ ᠤᠨ ᠠᠮᠢ ᠠᠬᠤᠢ ᠶᠢᠨ ᠬᠤᠷᠢᠭᠠᠳᠣ ᠱᠣᠭᠤᠮ ᠤᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ ᠨᠣᠳᠤᠭ ᠪᠡᠯᠴᠢᠭᠡᠷ ᠢ ᠡᠵᠡᠯᠡᠨ ᠬᠡᠷᠡᠭᠯᠡᠬᠦ ᠶᠢ ᠬᠢᠨᠠᠨ ᠬᠠᠷᠭᠤᠭᠤᠯᠵᠣ ᠵᠦᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠲᠠᠯ᠎ᠠ ᠨᠣᠳᠤᠭ ᠤᠨ ᠠᠮᠢ ᠠᠬᠤᠢ ᠶᠢ ᠬᠦᠳᠡᠯᠦᠩᠭᠦᠢ ᠪᠠᠷ ᠬᠢᠨᠠᠨ ᠬᠡᠮᠵᠢᠬᠦ᠂ ᠲᠣᠭᠳᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠲᠦᠷᠢᠮ ᠢ ᠪᠠᠶᠢᠭᠤᠯᠣᠨ᠎ᠠ᠃ ᠲᠠᠯ᠎ᠠ ᠨᠣᠳᠤᠭ ᠤᠨ ᠡᠬᠢ ᠪᠠᠶᠠᠯᠢᠭ ᠤᠨ ᠲᠤᠭ᠎ᠠ ᠪᠠᠷᠢᠮᠳᠠ ᠶᠢᠨ ᠬᠦᠮᠦᠷᠭᠡ ᠶᠢ ᠪᠠᠶᠢᠭᠤᠯᠣᠨ ᠲᠡᠭᠦᠯᠳᠡᠷᠵᠢᠭᠦᠯᠵᠦ᠂ ᠠᠮᠢ ᠠᠬᠤᠢ ᠶᠢᠨ ᠬᠤᠷᠢᠭᠠᠳᠣ ᠱᠣᠭᠤᠮ ᠳᠤ ᠰᠠᠭᠤᠷᠢ ᠮᠠᠲ᠋ᠧᠷᠢᠶᠠᠯ ᠬᠠᠩᠭᠠᠨ᠎ᠠ᠃ ᠦᠨᠳᠦᠷ ᠣᠨᠠᠯᠳᠠᠳᠣ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠬᠠᠮᠢᠶᠠᠷᠣᠯᠳᠠ ᠶᠢ ᠦᠷᠭᠦᠯᠵᠢᠯᠡᠨ ᠴᠢᠩᠭᠠᠳᠬᠠᠵᠣ᠂ ᠬᠠᠣᠯᠢ ᠪᠣᠰᠣ ᠪᠠᠷ ᠬᠠᠭᠠᠯᠪᠣᠷᠢᠯᠠᠬᠤ ᠵᠡᠷᠭᠡ ᠨᠣᠳᠤᠭ ᠪᠡᠯᠴᠢᠭᠡᠷ  ᠤᠨ ᠠᠮᠢ ᠠᠬᠤᠢ ᠶᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦᠨ᠎ᠡ᠃ ᠭᠠᠵᠠᠷ ᠰᠢᠷᠣᠢ ᠨᠣᠳᠤᠭ ᠪᠡᠯᠴᠢᠭᠡᠷ  ᠤᠨ ᠠᠰᠠᠭᠤᠳᠠᠯ ᠢ ᠡᠶᠡᠳᠡᠭᠦᠯᠦᠨ ᠬᠦᠨᠳᠡᠯᠡᠨ ᠠᠴᠠ ᠳᠠᠰᠣᠯᠠᠬᠤ ᠵᠦᠪᠯᠡᠯ ᠵᠢᠴᠢ ᠪᠠᠶᠢᠩᠭᠤ ᠶᠢᠨ ᠪᠠᠶᠢᠭᠤᠯᠣᠮᠵᠢ ᠶᠢ ᠲᠦᠷᠭᠡᠨ ᠪᠠᠶᠢᠭᠤᠯᠵᠣ᠂ ᠭᠠᠵᠠᠷ ᠰᠢᠷᠣᠢ ᠨᠣᠳᠤᠭ ᠪᠡᠯᠴᠢᠭᠡᠷ ᠤᠨ ᠡᠷᠭᠡ ᠶᠢ ᠨᠣᠳᠠᠯᠠᠬᠤ᠂ ᠡᠷᠬᠢᠯᠳᠦᠭᠦᠯᠬᠦ᠂ ᠡᠶᠡᠳᠡᠭᠦᠯᠬᠦ᠂ ᠬᠦᠨᠳᠡᠯᠡᠨ ᠠᠴᠠ ᠳᠠᠰᠣᠯᠠᠬᠤ ᠵᠡᠷᠭᠡ ᠠᠵᠢᠯᠯᠠᠭ᠎ᠠ ᠶᠢ ᠳᠦᠷᠢᠮᠵᠢᠭᠦᠯᠦᠨ᠎ᠡ᠃ ᠣᠳᠣᠷᠢᠳᠬᠤ ᠺᠠᠳ᠋ᠷ ᠲᠣᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠲᠠᠯ᠎ᠠ ᠪᠠᠷ ᠬᠢ ᠠᠵᠢᠯ ᠢ ᠬᠢᠨᠠᠨ ᠪᠣᠳᠣᠬᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠯᠳᠠᠭ᠎ᠠ ᠪᠣᠷᠣᠭᠤ ᠶᠢᠨ ᠬᠠᠷᠢᠭᠤᠴᠠᠯᠭ᠎ᠠ ᠶᠢ ᠨᠠᠰᠣᠨ ᠲᠣᠷᠰᠢᠳᠠ ᠨᠡᠭᠡᠮᠵᠢᠯᠡᠬᠦ ᠵᠡᠷᠭᠡ ᠲᠦᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠲᠣᠭᠳᠠᠯᠴᠠᠭ᠎ᠠ ᠶᠢ ᠲᠦᠷᠭᠡᠨ ᠪᠠᠶᠢᠭᠤᠯᠣᠨ᠎ᠠ᠃     ᠬᠤᠶᠠᠷ ᠲᠤ ᠣᠷᠴᠢᠨ ᠲᠣᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠠᠭᠤᠷᠬᠠᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ ᠪᠣᠯᠣᠨ ᠠᠮᠢ ᠠᠬᠤᠢ ᠶᠢ ᠰᠡᠷᠭᠦᠭᠡᠨ ᠵᠠᠰᠠᠨ ᠴᠡᠭᠴᠡᠯᠡᠬᠦ ᠠᠵᠢᠯ ᠤᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠠᠭᠤᠷᠬᠠᠢ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠪᠠᠳᠣᠯᠠᠭᠠᠳᠣ ᠮᠦᠩᠭᠦ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠠᠭᠤᠷᠬᠠᠢ ᠶᠢᠨ ᠣᠷᠣᠨ ᠳᠤ ᠲᠠᠬᠢᠨ ᠬᠠᠭᠠᠯᠪᠣᠷᠢᠯᠠᠨ ᠨᠣᠭᠤᠭᠠᠷᠠᠭᠤᠯᠬᠤ᠂ ᠪᠣᠬᠢᠷ ᠣᠰᠣ ᠶᠢ ᠰᠢᠢᠳᠪᠦᠷᠢᠯᠡᠬᠦ᠂ ᠠᠭᠤᠷᠬᠠᠢ ᠮᠠᠯᠳᠠᠭᠰᠠᠨ ᠬᠠᠶᠠᠭᠳᠠᠮᠠᠯ ᠨᠦᠭᠡ  ᠶᠢ ᠵᠠᠰᠠᠨ ᠴᠡᠭᠴᠡᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠦᠨᠡᠨᠬᠦ ᠴᠢᠩᠭᠠᠳᠬᠠᠨ᠎ᠠ᠃ 208 ᠣᠯᠣᠰ ᠤᠨ ᠵᠠᠮ᠂ 208 ᠮᠣᠵᠢ ᠶᠢᠨ ᠵᠠᠮ᠂ 101 ᠮᠣᠵᠢ ᠶᠢᠨ ᠵᠠᠮ ᠳᠠᠭᠠᠣ ᠳᠠᠬᠢ ᠠᠭᠤᠷᠬᠠᠢ ᠮᠠᠯᠳᠠᠭᠰᠠᠨ ᠬᠠᠶᠠᠭᠳᠠᠮᠠᠯ ᠨᠦᠭᠡ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠦᠷᠦᠯ ᠵᠦᠢᠯ ᠢ ᠠᠮᠵᠢᠯᠳᠠᠳᠠᠢ ᠪᠡᠶᠡᠯᠡᠭᠦᠯᠬᠦ ᠶᠢ ᠪᠠᠳᠣᠯᠠᠵᠣ᠂ ᠡᠷᠢᠶᠡᠨ ᠬᠤᠳᠠ ᠠᠴᠠ ᠭᠤᠸᠠᠩᠵᠸᠣ ᠬᠦᠷᠬᠦ ᠲᠦᠷᠭᠡᠨ ᠵᠡᠮ ᠤᠨ ᠵᠢᠷᠦᠬᠡ ᠭᠡᠰᠡᠭ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠲᠦᠷᠦᠯ ᠵᠦᠢᠯ ᠢ ᠢᠳᠡᠪᠬᠢᠲᠠᠢ ᠮᠡᠳᠡᠭᠦᠯᠦᠨ᠎ᠡ᠃ ᠣᠰᠣᠨ ᠤ ᠡᠬᠢ ᠪᠠᠶᠠᠯᠢᠭ ᠤᠨ ᠬᠠᠮᠢᠶᠠᠷᠣᠯᠳᠠ ᠶᠢᠨ ᠲᠦᠷᠢᠮ ᠪᠣᠯᠣᠨ ︽ᠭᠤᠷᠪᠠᠨ ᠬᠤᠷᠢᠭᠠᠳᠣ ᠱᠣᠭᠤᠮ︾᠂ ︽ ᠭᠤᠷᠪᠠᠨ ᠬᠠᠮᠳᠣ ᠳᠤᠨᠢ︾ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠭᠠᠷ ᠮᠠᠨᠳᠠᠯ ᠤᠨ ᠪᠣᠬᠢᠷᠳᠣᠯ ᠪᠣᠯᠣᠨ ᠭᠤᠣᠯᠳᠠᠯᠭ᠎ᠠ ᠲᠠᠢ ᠪᠣᠬᠢᠷᠳᠣᠯ ᠤᠨ ᠡᠬᠢ ᠶᠢ ᠬᠢᠨᠠᠨ ᠡᠵᠡᠮᠳᠡᠵᠦ ᠬᠢᠨᠠᠨ ᠬᠡᠮᠵᠢᠬᠦ ᠶᠢ ᠴᠢᠩᠭ᠎ᠠ ᠠᠳᠬᠤᠵᠣ᠂ ᠪᠣᠬᠢᠷᠳᠣᠯ ᠲᠠᠢ ᠪᠣᠳᠠᠰ ᠢ ᠭᠠᠳᠠᠭᠰᠢᠯᠠᠭᠤᠯᠬᠤ ᠶᠡᠷᠦᠩᠭᠡᠢ ᠬᠡᠮᠵᠢᠶ᠎ᠡ ᠶᠢ ᠬᠢᠵᠠᠭᠠᠷᠯᠠᠵᠣ᠂ ᠠᠭᠠᠷ ᠮᠠᠨᠳᠠᠯ ᠢ ᠬᠦᠨᠳᠦ ᠨᠣᠴᠢᠳᠠᠢ ᠨᠦᠯᠦᠭᠡᠯᠡᠭᠰᠡᠨ ᠠᠵᠣ ᠠᠬᠤᠶᠢᠯᠠᠯ ᠢ ᠬᠠᠣᠯᠢ ᠪᠠᠷ ᠴᠡᠭᠴᠡᠯᠡᠵᠦ᠂ ᠪᠦᠬᠦ ᠵᠢᠯ ᠤᠨ ᠭᠠᠳᠠᠭᠰᠢᠯᠠᠭᠤᠯᠣᠯᠳᠠ ᠶᠢ ᠪᠠᠭᠠᠰᠬᠠᠬᠤ ᠡᠭᠦᠷᠬᠡ ᠶᠢ ᠴᠢᠷᠮᠠᠶᠢᠨ ᠪᠡᠶᠡᠯᠡᠭᠦᠯᠦᠨ᠎ᠡ᠃    ᠭᠤᠷᠪᠠ ᠳᠤ ᠠᠮᠢ ᠠᠬᠤᠢ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠪᠡᠭᠡᠵᠢᠩ ᠲᠢᠶᠡᠨᠵᠢᠨ ᠤ ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠪᠠᠶᠢᠭᠤᠯᠣᠯᠳᠠ  ᠶᠢ ᠰᠠᠶᠢᠳᠣᠷ ᠬᠡᠷᠡᠭᠵᠢᠭᠦᠯᠵᠦ᠂ 4 ᠲᠦᠮᠡᠨ ᠮᠣ᠋ ᠭᠠᠵᠠᠷ ᠢ ᠨᠢᠰᠭᠡᠯ ᠢᠶᠠᠷ ᠣᠶᠢᠵᠢᠭᠤᠯᠵᠣ᠂ 0.4 ᠲᠦᠮᠡᠨ ᠮᠣ᠋ ᠭᠠᠵᠠᠷ ᠤᠨ ᠡᠯᠡᠰᠦ ᠶᠢ ᠲᠣᠭᠳᠠᠪᠣᠷᠢᠵᠢᠭᠤᠯᠵᠣ᠂ 9 ᠳᠡᠭᠰᠢ ᠲᠦᠷᠪᠡᠯᠵᠢᠨ ᠺᠢᠯᠣᠮᠧᠲᠷ ᠤᠨ ᠵᠢᠵᠢᠭ ᠰᠠᠪᠠ ᠭᠠᠵᠠᠷ ᠢ ᠵᠠᠰᠠᠬᠤ᠂ 1 ᠲᠦᠮᠡᠨ ᠮᠣ᠋ ᠭᠠᠵᠠᠷ ᠲᠤ ᠣᠰᠣ ᠠᠷᠪᠢᠯᠠᠨ ᠣᠰᠣᠯᠠᠯᠳᠠ ᠬᠢᠬᠦ᠂ 1500 ᠮᠣ᠋ ᠭᠤᠣᠯᠳᠠᠯᠭ᠎ᠠ ᠲᠠᠢ ᠣᠷᠣᠨ ᠲᠣᠭᠤᠷᠢᠭ ᠤᠨ ᠨᠣᠭᠤᠭᠠᠷᠠᠭᠤᠯᠣᠯᠳᠠ ᠶᠢ ᠪᠡᠶᠡᠯᠡᠭᠦᠯᠦᠨ᠎ᠡ᠃ ᠬᠤᠶᠠᠳᠣᠭᠠᠷ ᠡᠭᠡᠯᠵᠢ ᠶᠢᠨ ᠨᠣᠳᠤᠭ ᠪᠡᠯᠴᠢᠭᠡᠷ  ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠨᠣᠳᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠪᠣᠯᠣᠨ ᠮᠡᠯ ᠪᠡᠯᠴᠢᠭᠡᠷ  ᠢ ᠳᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠤᠳᠠ ᠪᠠᠯᠭᠠᠰᠣᠨ ᠤ ᠣᠶᠢᠷ᠎ᠠ ᠬᠠᠪᠢ ᠪᠣᠯᠣᠨ ᠲᠠᠷᠢᠶᠠᠯᠠᠬᠤ ᠣᠷᠣᠨ ᠳᠤ ᠪᠦᠬᠦ ᠵᠢᠯ ᠢᠶᠠᠷ ᠪᠡᠯᠴᠢᠭᠡᠷᠯᠡᠬᠦ ᠶᠢ ᠴᠠᠭᠠᠵᠠᠯᠠᠬᠤ ᠶᠢ ᠬᠡᠷᠡᠭᠵᠢᠭᠦᠯᠦᠨ᠎ᠡ᠃ ᠳᠡᠭᠡᠷ᠎ᠡ ᠬᠠᠭᠠᠰ ᠵᠢᠯ ᠳᠤ ᠣᠯᠣᠰ ᠤᠨ ᠦᠮᠴᠢᠯᠡᠯᠳᠦ ᠣᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠶᠢᠨ ᠲᠦᠰᠦᠯ ᠢ ᠨᠠᠶᠢᠷᠠᠭᠤᠯᠬᠤ ᠠᠵᠢᠯ ᠢ ᠪᠡᠶᠡᠯᠡᠭᠦᠯᠦᠨ᠎ᠡ᠃ ᠦᠨᠦ ᠵᠢᠯ ᠳᠤ ᠨᠣᠳᠤᠭ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠭᠡ ᠶᠢ ᠨᠣᠳᠠᠯᠠᠬᠤ ᠠᠵᠢᠯ ᠢ ᠪᠡᠶᠡᠯᠡᠭᠦᠯᠵᠦ᠂ ᠮᠠᠯᠴᠢᠨ ᠡᠷᠦᠬᠡ ᠶᠢᠨ ᠨᠣᠳᠤᠭ ᠪᠡᠯᠴᠢᠭᠡᠷ ᠳᠠᠭᠠᠭᠠᠴᠢᠯᠠᠭᠰᠠᠨ ᠳᠠᠩᠰᠠ ᠶᠢ ᠪᠠᠶᠢᠭᠤᠯᠣᠨ ᠳᠡᠭᠦᠯᠳᠡᠷᠵᠢᠭᠦᠯᠦᠨ᠎ᠡ᠃       ︵ᠳᠦᠷᠪᠡ︶ ᠲᠣᠳᠠᠭᠤᠳᠠᠯ ᠢᠶᠠᠨ ᠨᠦᠬᠦᠪᠦᠷᠢᠯᠡᠨ ᠰᠢᠪᠳᠣᠯᠣᠯᠳᠠ ᠬᠢᠵᠦ᠂ ᠬᠤᠳᠠ ᠬᠦᠳᠡᠭᠡ ᠶᠢᠨ ᠵᠣᠬᠢᠴᠠᠩᠭᠤᠢ ᠬᠦᠭᠵᠢᠯᠳᠡ ᠶᠢ ᠠᠬᠢᠭᠤᠯᠣᠨ᠎ᠠ     ᠨᠢᠭᠡ ᠳᠤ ᠬᠤᠳᠠ ᠪᠠᠯᠭᠠᠰᠣᠨ ᠤ ᠪᠦᠲᠦᠭᠡᠨ ᠪᠠᠶᠢᠭᠤᠯᠣᠯᠳᠠ ᠪᠣᠯᠣᠨ ᠬᠠᠮᠢᠶᠠᠷᠣᠯᠳᠠ ᠶᠢᠨ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠦᠨ᠎ᠡ᠃ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠵᠣ᠂ ᠬᠤᠳᠠ ᠪᠠᠯᠭᠠᠰᠣᠨ ᠤ ᠲᠣᠬᠠᠢ ᠠᠵᠢᠯ ᠤᠨ ᠰᠡᠳᠬᠢᠴᠡ ᠪᠠᠨ ᠬᠤᠪᠢᠷᠠᠭᠤᠯᠣᠨ᠂ ᠵᠠᠰᠠᠨ ᠴᠡᠭᠴᠡᠯᠡᠬᠦ ᠴᠢᠳᠠᠪᠣᠷᠢ ᠪᠠᠨ ᠳᠡᠭᠡᠭᠰᠢᠯᠡᠭᠦᠯᠦᠨ᠂ ᠬᠤᠳᠠ ᠬᠦᠳᠡᠭᠡ ᠶᠢᠨ ᠣᠷᠣᠨ ᠲᠣᠭᠤᠷᠢᠭ ᠤᠨ ᠬᠦᠭᠵᠢᠯᠳᠡ ᠶᠢ ᠨᠢᠭᠡᠳᠦᠯᠳᠠᠢ ᠲᠦᠯᠦᠪᠵᠢᠭᠦᠯᠦᠨ᠂ ᠰᠢᠨ᠎ᠡ ᠬᠡᠯᠪᠡᠷᠢ  ᠶᠢᠨ ᠬᠤᠳᠠ ᠪᠠᠯᠭᠠᠰᠣᠵᠢᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨᠵᠢᠯᠡᠬᠦ ᠣᠬᠠᠭᠠᠨᠴᠢ ᠪᠠᠷ ᠰᠠᠶᠢᠳᠣᠷ ᠲᠦᠯᠦᠪᠵᠢᠭᠦᠯᠬᠦ ᠬᠡᠷᠡᠭᠳᠠᠢ᠃ ᠦᠨᠦ ᠵᠢᠯ ᠳᠤ ᠰᠠᠶᠢᠬᠠᠨᠳᠠᠯ᠎ᠠ ᠪᠠᠯᠭᠠᠰᠣᠨ ᠤ ᠬᠤᠳᠠ ᠶᠢᠨ ᠶᠡᠷᠦᠩᠭᠡᠢ ᠲᠦᠯᠦᠪᠵᠢᠭᠦᠯᠭᠡ ᠶᠢ ᠵᠠᠰᠠᠨ ᠨᠠᠶᠢᠷᠠᠭᠤᠯᠬᠤ ᠵᠢᠴᠢ ᠭᠤᠣᠯᠳᠠᠯᠭ᠎ᠠ ᠲᠠᠢ ᠭᠠᠵᠠᠷ ᠤᠨ ᠡᠵᠡᠮᠳᠡᠬᠦ ᠴᠢᠨᠠᠷᠳᠠᠢ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠪᠡᠶᠡᠯᠡᠭᠦᠯᠦᠨ᠎ᠡ᠃ ᠦᠷᠭᠡᠨᠳᠡᠯ᠎ᠡ ᠪᠠᠯᠭᠠᠰᠣ᠂ ᠵᠢᠷᠦᠬᠡ ᠪᠠᠯᠭᠠᠰᠣᠨ ᠤ ᠶᠡᠷᠦᠩᠭᠡᠢ ᠲᠦᠯᠦᠪᠵᠢᠭᠦᠯᠬᠡ ᠶᠢ ᠬᠢᠨᠠᠨ ᠲᠣᠭᠳᠠᠭᠠᠬᠤ ᠮᠡᠳᠡᠭᠦᠯᠬᠦ ᠠᠵᠢᠯ ᠢ ᠰᠠᠶᠢᠳᠣᠷ ᠬᠢᠬᠦ ᠶᠢᠨ ᠬᠠᠮᠳᠣ ᠪᠣᠰᠣᠳ ᠰᠣᠮᠣᠨ ᠲᠦᠪ ᠤᠨ ᠲᠦᠯᠦᠪᠵᠢᠭᠦᠯᠭᠡ ᠶᠢᠨ ᠠᠵᠢᠯ ᠢ ᠪᠡᠶᠡᠯᠡᠭᠦᠯᠦᠨ᠎ᠡ᠃ ᠬᠤᠳᠠ ᠪᠠᠯᠭᠠᠰᠣᠨ ᠤ ᠴᠢᠳᠠᠪᠬᠢ ᠶᠢ ᠲᠡᠭᠦᠯᠳᠡᠷᠵᠢᠭᠦᠯᠬᠦ ᠬᠡᠷᠡᠭᠳᠠᠢ᠃ 2934 ᠲᠦᠮᠡᠨ ᠲᠦᠭᠦᠷᠢᠭ ᠤᠨ ᠪᠡᠯᠡ ᠮᠦᠩᠭᠦ ᠣᠷᠣᠭᠤᠯᠵᠣ᠂ ᠰᠠᠶᠢᠬᠠᠨᠳᠠᠯ᠎ᠠ ᠪᠠᠯᠭᠠᠰᠣᠨ ᠤ ᠪᠣᠵᠠᠷ ᠣᠰᠣ ᠶᠢ ᠲᠠᠬᠢᠨ ᠠᠰᠢᠭᠯᠠᠬᠤ ᠢᠨᠵᠧᠨᠧᠷᠢᠩ᠂ ᠰᠢᠨ᠎ᠡ ᠲᠣᠭᠤᠷᠢᠭ ᠤᠨ ᠬᠤᠳᠣᠭᠤᠷ ᠭᠠᠵᠠᠷ ᠢ ᠦᠭᠡᠷᠡᠴᠢᠯᠡᠬᠦ ᠢᠨᠵᠧᠨᠧᠷᠢᠩ᠂ ᠵᠠᠮ ᠤᠨ ᠵᠡᠭᠦᠨ ᠬᠡᠰᠡᠭ ᠤᠨ ᠠᠮᠢ ᠠᠬᠤᠢ ᠶᠢ ᠵᠠᠰᠠᠬᠤ ᠢᠨᠵᠧᠨᠧᠷᠢᠩ ᠤᠨ ᠪᠠᠶᠢᠭᠤᠯᠣᠯᠳᠠ ᠶᠢ ᠪᠡᠶᠡᠯᠡᠭᠦᠯᠦᠨ᠎ᠡ᠃ 1.19 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠣᠷᠣᠭᠤᠯᠵᠣ᠂ ᠰᠠᠶᠢᠬᠠᠨᠳᠠᠯ᠎ᠠ ᠪᠠᠯᠭᠠᠰᠣᠨ ᠤ ᠵᠠᠮ ᠢ ᠰᠡᠯᠪᠢᠨ ᠵᠠᠰᠠᠬᠤ᠂ ᠶᠠᠪᠠᠭᠠᠨ ᠬᠦᠮᠦᠨ ᠤ ᠵᠠᠮ ᠢ ᠬᠠᠳᠠᠭᠤᠷᠠᠭᠤᠯᠣᠨ ᠦᠭᠡᠷᠡᠴᠢᠯᠡᠬᠦ᠂ ᠭᠠᠵᠠᠷ ᠲᠣᠣᠷᠠᠬᠢ ᠪᠣᠬᠢᠷ ᠣᠰᠣᠨ ᠤ ᠬᠤᠭᠤᠯᠠᠢ ᠶᠢ ᠰᠣᠯᠢᠬᠤ ᠵᠢᠴᠢ ᠭᠤᠣᠯᠳᠠᠯᠭ᠎ᠠ ᠲᠠᠢ ᠵᠠᠮ ᠢ ᠴᠢᠮᠡᠭᠯᠡᠬᠦ᠂ ᠬᠡᠷᠡᠯᠳᠦᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ 2250 ᠲᠦᠮᠡᠨ ᠲᠦᠭᠦᠷᠢᠭ ᠤᠨ ᠪᠡᠯᠡ ᠮᠦᠩᠭᠦ ᠣᠷᠣᠭᠤᠯᠵᠣ᠂ ᠹᠦ᠋ ᠬᠤᠸᠠ ᠳᠣᠯᠠᠭᠠᠯᠭ᠎ᠠ ᠶᠢᠨ ᠺᠣᠮᠫᠠᠨᠢ ᠶᠢᠨ ᠨᠡᠭᠦᠷᠡᠰᠦ ᠬᠠᠳᠠᠭᠠᠯᠠᠬᠤ ᠪᠢᠳᠡᠭᠦᠦ ᠬᠦᠮᠦᠷᠭᠡ᠂ ᠦᠨᠡᠰᠦ ᠬᠠᠳᠠᠭᠠᠯᠠᠬᠤ ᠪᠢᠳᠡᠭᠦᠦ ᠬᠦᠮᠦᠷᠭᠡ ᠪᠣᠯᠣᠨ ᠬᠦᠬᠦᠷ ᠦᠭᠡᠶᠢᠳᠡᠭᠦᠯᠬᠦ᠂ ᠱᠠᠣ ᠦᠭᠡᠶᠢᠳᠡᠭᠦᠯᠬᠦ᠂ ᠲᠣᠭᠤᠰᠣ ᠠᠷᠢᠯᠭᠠᠬᠤ ᠦᠭᠡᠷᠡᠴᠢᠯᠡᠯᠳᠡ ᠶᠢᠨ ᠪᠠᠶᠢᠭᠤᠯᠣᠯᠳᠠ ᠶᠢ ᠪᠡᠶᠡᠯᠡᠭᠦᠯᠵᠦ᠂ 8 ᠺᠢᠯᠣᠮᠧᠲᠷ ᠤᠨ ᠳᠣᠯᠠᠭᠠᠯᠭ᠎ᠠ ᠬᠠᠩᠭᠠᠬᠤ ᠬᠤᠭᠤᠯᠠᠢ ᠣᠭᠰᠠᠷᠠᠵᠣ᠂ 2 ᠢᠯᠴᠢ ᠰᠣᠯᠢᠯᠴᠠᠬᠤ ᠦᠷᠳᠡᠭᠡ ᠶᠢ ᠰᠢᠨ᠎ᠡ ᠪᠠᠷ ᠪᠠᠶᠢᠭᠤᠯᠣᠨ᠎ᠠ᠃ ᠬᠡᠷᠡᠭᠯᠡᠯᠳᠡ ᠳᠤ ᠣᠷᠣᠭᠠᠳᠣᠢ ᠳᠠᠷᠣᠭᠳᠠᠵᠣ ᠪᠠᠶᠢᠭ᠎ᠠ ᠣᠷᠣᠨ ᠰᠠᠭᠤᠴᠠ ᠶᠢᠨ ᠠᠰᠠᠷ ᠢ ᠪᠣᠷᠣᠯᠠᠭᠤᠯᠣᠨ ᠰᠢᠩᠭᠡᠭᠡᠬᠦ ᠠᠵᠢᠯ ᠢ ᠯᠠᠪᠳᠠᠭᠤᠨ ᠪᠠᠳᠣᠳᠠᠢ ᠡᠮᠬᠢ ᠳᠢᠭᠯᠢᠮ ᠲᠠᠢ ᠪᠠᠷ ᠬᠢᠵᠦ᠂ ᠬᠡᠷᠡᠭᠯᠡᠯᠳᠡ ᠳᠤ ᠣᠷᠣᠭᠠᠳᠣᠢ ᠬᠤᠳᠠᠯᠳᠣᠭᠠᠨ ᠤ ᠠᠰᠠᠷ ᠢ ᠬᠤᠳᠠᠯᠳᠣᠨ ᠠᠪᠬᠤ ᠬᠡᠯᠪᠡᠷᠢ ᠪᠠᠷ 600 ᠪᠣᠷᠣ ᠭᠡᠷ ᠤᠨ ᠲᠣᠭᠤᠷᠢᠭ ᠢ ᠦᠭᠡᠷᠡᠴᠢᠯᠡᠨ᠎ᠡ᠃ 542 ᠢᠵᠢ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ ᠶᠢᠨ ᠬᠤᠪᠢᠶᠠᠷᠢᠯᠠᠯᠳᠠ ᠶᠢ ᠪᠡᠶᠡᠯᠡᠭᠦᠯᠵᠦ᠂ 2015 ᠣᠨ ᠤ 550 ᠡᠷᠦᠬᠡ ᠶᠢᠨ ᠪᠣᠷᠣ ᠭᠡᠷ ᠤᠨ ᠲᠣᠭᠤᠷᠢᠭ ᠢ ᠵᠠᠰᠠᠨ ᠦᠭᠡᠷᠡᠴᠢᠯᠡᠬᠦ ᠢᠨᠵᠧᠨᠧᠷᠢᠩ ᠢ ᠠᠮᠵᠢᠯᠳᠠᠳᠠᠢ ᠳᠠᠭᠤᠰᠬᠠᠵᠣ ᠬᠡᠷᠡᠭᠯᠡᠭᠦᠯᠬᠦ ᠪᠠᠷ ᠪᠦᠬᠦ ᠬᠦᠴᠦ ᠪᠠᠷ ᠢᠶᠠᠨ ᠴᠢᠷᠮᠠᠶᠢᠵᠣ᠂ ᠠᠷᠠᠳ ᠣᠯᠠᠨ ᠳᠤ ᠦᠨᠡᠨ ᠪᠣᠳᠠᠳᠠᠢ ᠠᠰᠢᠭ ᠬᠦᠷᠳᠡᠭᠡᠨ᠎ᠡ ᠃ ᠨᠠᠷᠢᠯᠢᠭᠵᠢᠭᠰᠠᠨ ᠬᠠᠮᠢᠶᠠᠷᠣᠯᠳᠠ ᠶᠢ ᠴᠢᠩᠭᠠᠳᠬᠠᠬᠤ ᠬᠡᠷᠡᠭᠳᠠᠢ᠃ ᠬᠤᠳᠠ ᠪᠠᠯᠭᠠᠰᠣᠨ ᠤ ᠴᠡᠴᠡᠷᠯᠢᠭ ᠢ ᠨᠣᠭᠤᠭᠠᠷᠠᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ ᠵᠠᠬ᠎ᠠ ᠳᠡᠯᠭᠡᠭᠦᠷᠴᠢᠯᠡᠭᠰᠡᠨ ᠡᠷᠬᠢᠯᠳᠡ ᠶᠢ ᠲᠡᠭᠦᠯᠳᠡᠷᠵᠢᠭᠦᠯᠬᠦ ᠰᠠᠭᠤᠷᠢᠨ ᠳᠡᠭᠡᠷ᠎ᠡ᠂ ᠬᠤᠳᠠ ᠪᠠᠯᠭᠠᠰᠣᠨ ᠤ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠳᠠ  ᠶᠢᠨ ᠶᠠᠪᠣᠳᠠᠯ ᠤᠨ ᠲᠦᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠵᠡᠷᠭᠡ ᠲᠠᠯ᠎ᠠ ᠶᠢᠨ ᠵᠠᠬ᠎ᠠ ᠳᠡᠯᠭᠡᠭᠦᠷᠴᠢᠯᠡᠭᠰᠡᠨ ᠡᠷᠬᠢᠯᠳᠡ ᠶᠢᠨ ᠬᠡᠯᠪᠡᠷᠢ ᠮᠠᠶ᠋ᠢᠭ ᠢ ᠢᠳᠡᠪᠬᠢᠳᠠᠢ ᠬᠠᠶᠢᠨ ᠰᠦᠪᠡᠭᠴᠢᠯᠡᠵᠦ᠂ ᠨᠡᠩ ᠣᠯᠠᠨ ᠨᠡᠶᠢᠭᠡᠮ ᠤᠨ ᠬᠦᠴᠦᠨ ᠵᠦᠢᠯ ᠢ ᠲᠠᠳᠠᠨ ᠣᠷᠣᠭᠤᠯᠵᠣ᠂ ᠬᠤᠳᠠ ᠪᠠᠯᠭᠠᠰᠣᠨ ᠤ ᠪᠦᠲᠦᠭᠡᠨ ᠪᠠᠶᠢᠭᠤᠯᠣᠯᠳᠠ ᠳᠤ ᠣᠷᠣᠯᠴᠠᠭᠤᠯᠣᠨ᠎ᠠ᠃ ᠬᠤᠳᠠ ᠪᠠᠯᠭᠠᠰᠣᠨ ᠤ ᠬᠠᠮᠢᠶᠠᠷᠣᠯᠳᠠ ᠶᠢᠨ ᠪᠠᠷᠢᠮᠵᠢᠶ᠎ᠠ ᠪᠣᠯᠣᠨ ᠬᠡᠷᠡᠭᠵᠢᠭᠦᠯᠦᠯᠳᠡ ᠶᠢᠨ ᠵᠢᠷᠣᠮ ᠢ ᠲᠦᠷᠭᠡᠨ ᠲᠣᠭᠳᠠᠭᠠᠵᠣ᠂ ᠬᠤᠳᠠ ᠪᠠᠯᠭᠠᠰᠣᠨ ᠤ ᠬᠠᠮᠢᠶᠠᠷᠣᠯᠳᠠ ᠬᠠᠮᠠᠭᠠᠯᠠᠯᠳᠠ ᠶᠢᠨ ᠲᠣᠰᠬᠠᠶᠢᠯᠠᠭᠰᠠᠨ ᠡᠩᠨᠡᠭᠡ ᠶᠢ ᠪᠠᠶᠢᠭᠤᠯᠵᠣ᠂ ᠬᠢᠨᠠᠨ ᠰᠢᠯᠭᠠᠬᠤ ᠲᠦᠷᠢᠮ ᠢ ᠳᠡᠭᠦᠯᠳᠡᠷᠵᠢᠭᠦᠯᠦᠨ᠂ ᠲᠣᠭᠠᠴᠢᠯᠠᠭᠰᠠᠨ ᠬᠤᠳᠠ ᠪᠠᠯᠭᠠᠰᠣᠨ ᠤ ᠬᠠᠮᠢᠶᠠᠷᠣᠯᠳᠠ ᠶᠢ ᠴᠢᠷᠮᠠᠶᠢᠨ ᠡᠭᠦᠳᠦᠨ᠎ᠡ᠃     ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠭᠡᠷᠦᠮᠵᠢ ᠶᠢᠨ ᠲᠣᠯᠭᠠᠭᠤᠷᠢ ᠬᠦᠴᠦᠨ ᠢ ᠳᠡᠭᠡᠭᠰᠢᠯᠡᠭᠦᠯᠦᠨ᠎ᠡ᠃ ᠵᠠᠰᠠᠮᠠᠯ ᠵᠠᠮ ᠤᠨ ᠲᠠᠯ᠎ᠠ ᠪᠠᠷ᠂ 3 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠣᠷᠣᠭᠤᠯᠵᠣ ᠂ 16 ᠭᠠᠴᠠᠭ᠎ᠠ ᠲᠣᠰᠬᠤᠨ ᠳᠤ 388 ᠺᠢᠯᠣᠮᠧᠲᠷ ᠤᠨ ᠪᠠᠷᠣᠭᠰᠢᠨ ᠱᠦᠢᠨᠢ ᠵᠠᠮ ᠳᠡᠪᠢᠰᠴᠦ᠂ ᠪᠦᠬᠦ ᠬᠤᠰᠢᠭᠤᠨ  ᠤ ᠭᠠᠴᠠᠭ᠎ᠠ ᠲᠣᠰᠬᠤᠨ ᠳᠤ ᠪᠠᠷᠣᠭᠰᠢᠨ ᠱᠦᠨᠢ ᠵᠠᠮ ᠨᠡᠪᠳᠡᠷᠡᠬᠦ ᠨᠣᠷᠮ᠎ᠠ ᠶᠢ 100% ᠬᠦᠷᠭᠡᠬᠦ ᠶᠢ ᠪᠡᠶᠡᠯᠡᠭᠦᠯᠦᠨ᠎ᠡ ᠃ ᠰᠠᠶᠢᠬᠠᠨᠳᠠᠯ᠎ᠠ ᠠᠴᠠ ᠡᠷᠢᠶᠡᠨ ᠬᠤᠳᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠲᠦᠷᠭᠡᠨ ᠵᠠᠮ ᠪᠣᠯᠭᠠᠨ ᠦᠭᠡᠷᠡᠴᠢᠯᠡᠬᠦ ᠲᠦᠷᠦᠯ ᠵᠦᠢᠯ ᠪᠣᠯᠣᠨ 209 ᠣᠯᠣᠰ ᠤᠨ ᠵᠠᠮ ︵ᠣᠣᠯ ᠤᠨ 101 ᠮᠣᠵᠢ ᠶᠢᠨ ᠵᠠᠮ︶ ᠢ ᠦᠭᠡᠷᠡᠴᠢᠯᠡᠨ ᠨᠢᠭᠡᠳᠦᠭᠡᠷ ᠳᠡᠰ ᠤᠨ ᠵᠠᠰᠠᠮᠠᠯ ᠵᠠᠮ ᠪᠣᠯᠭᠠᠬᠤ ᠲᠦᠷᠦᠯ ᠵᠦᠢᠯ ᠢ ᠡᠷᠳᠡᠭᠡᠨ ᠡᠬᠢᠯᠡᠭᠦᠯᠦᠨ᠎ᠡ᠃ ᠴᠠᠬᠢᠯᠭᠠᠨ ᠲᠣᠣᠷ ᠤᠨ ᠲᠠᠯ᠎ᠠ ᠪᠠᠷ᠂ ᠰᠠᠶᠢᠬᠠᠨᠳᠠᠯ᠎ᠠ ᠶᠢᠨ ᠣᠮᠠᠷᠠᠳᠣ ᠲᠡᠭᠦᠷᠭᠡ ᠶᠢᠨ 110 ᠺᠢᠯᠣᠸᠣᠯᠲ ᠤᠨ ᠬᠦᠴᠦᠳᠡᠯ ᠦᠭᠡᠷᠡᠴᠢᠯᠡᠬᠦ ᠢᠨᠵᠧᠨᠧᠷᠢᠩ ᠤᠨ ᠪᠠᠶᠢᠭᠤᠯᠣᠯᠳᠠ ᠶᠢ ᠲᠦᠷᠭᠡᠨ ᠠᠬᠢᠭᠤᠯᠵᠣ᠂ 10 ᠺᠢᠯᠣᠸᠣᠯᠲ ᠤᠨ ᠴᠠᠬᠢᠯᠭᠠᠨ ᠣᠳᠠᠰᠣ ᠶᠢ 378 ᠺᠢᠯᠣᠮᠧᠲᠷ᠂ 0.4 ᠺᠢᠯᠣᠸᠣᠯᠲ ᠤᠨ ᠴᠠᠬᠢᠯᠭᠠᠨ ᠣᠳᠠᠰᠣ ᠶᠢ 172 ᠺᠢᠯᠣᠮᠧᠲᠷ ᠲᠠᠳᠠᠨ᠎ᠠ᠃ ᠣᠰᠣᠨ ᠠᠰᠢᠭᠯᠠᠯᠳᠠ ᠶᠢᠨ ᠲᠠᠯ᠎ᠠ ᠪᠠᠷ᠂ 170 ᠬᠤᠳᠳᠤᠭ᠂ 150 ᠣᠰᠣ ᠬᠠᠳᠠᠭᠠᠯᠠᠬᠤ ᠵᠣᠭᠤᠷᠢ  ᠶᠢ ᠰᠢᠨ᠎ᠡ ᠪᠠᠷ ᠪᠠᠶᠢᠭᠤᠯᠵᠣ᠂ 500 ᠢᠵᠢ ᠣᠰᠣ ᠴᠡᠪᠡᠷᠰᠢᠭᠦᠯᠬᠦ ᠲᠦᠬᠦᠭᠡᠷᠦᠮᠵᠢ ᠶᠢ ᠲᠠᠷᠬᠠᠭᠠᠨ ᠦᠭᠴᠦ᠂ ᠵᠢᠷᠦᠬᠡ ᠪᠠᠯᠭᠠᠰᠣᠨ ᠤ ᠲᠦᠭᠡᠭᠡᠯ ᠣᠰᠣ ᠶᠢ ᠦᠭᠡᠷᠡᠴᠢᠯᠡᠬᠦ ᠢᠨᠵᠧᠨᠧᠷᠢᠩ ᠪᠣᠯᠣᠨ ᠰᠠᠩᠪᠣᠯᠠᠭ ᠰᠣᠮᠣᠨ ᠤ ᠡᠷᠳᠡᠨᠢᠳᠠᠯ᠎ᠠ ᠭᠠᠴᠠᠭᠠᠨ ᠳᠤ ᠲᠦᠪᠯᠡᠷᠡᠭᠦᠯᠦᠨ ᠣᠰᠣ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ᠂ 2100 ᠬᠦᠮᠦᠨ᠂ 1.2 ᠲᠦᠮᠡᠨ ᠮᠠᠯ ᠤᠨ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠨ᠎ᠡ᠃     ᠭᠤᠷᠪᠠ ᠳᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠰᠠᠶᠢᠳᠣᠷ ᠪᠡᠶᠡᠯᠡᠭᠦᠯᠦᠨ᠎ᠡ᠃ ᠣᠯᠣᠰ᠂ ᠦᠪᠡᠷᠳᠡᠭᠡᠨ ᠵᠠᠰᠠᠬᠤ ᠣᠷᠣᠨ ᠤ ᠲᠦᠷᠦ ᠶᠢᠨ ᠪᠣᠳᠣᠯᠭ᠎ᠠ ᠶᠢᠨ ᠲᠣᠬᠢᠶᠠᠯ ᠢ ᠠᠳᠬᠤᠵᠣ᠂ ᠮᠠᠯᠵᠢᠬᠤ ᠲᠠᠷᠢᠶᠠᠯᠠᠬᠤ ᠣᠷᠣᠨ ᠤ ᠬᠦᠭᠵᠢᠯᠳᠡ ᠶᠢᠨ ᠨᠦᠭᠦᠴᠡᠯ ᠢ ᠴᠢᠷᠮᠠᠶᠢᠨ ᠰᠠᠶᠢᠵᠢᠷᠠᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠭᠡᠷᠦᠮᠵᠢ ᠠᠨᠠᠢ᠂ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ ᠬᠤᠴᠣᠷᠣᠩᠭᠤᠢ ᠲᠡᠣᠭᠡᠨ ᠦᠯᠡᠳᠡᠭᠳᠡᠯ ᠢ ᠦᠨᠡᠨᠬᠦ ᠬᠤᠪᠢᠷᠠᠭᠤᠯᠵᠣ᠂ ᠪᠦᠬᠦ ᠬᠤᠰᠢᠭᠤᠨ ᠤ ᠮᠠᠯᠴᠢᠨ ᠲᠠᠷᠢᠶᠠᠴᠢᠨ ᠳᠤ ᠠᠷᠠᠳ ᠲᠤ ᠬᠠᠷᠠᠭᠠᠯᠵᠠᠯ ᠬᠦᠷᠳᠡᠭᠡᠬᠦ ᠲᠦᠷᠦ ᠶᠢᠨ ᠪᠣᠳᠣᠯᠭ᠎ᠠ ᠶᠢᠨ ᠦᠨᠳᠦᠷ ᠦᠷ᠎ᠡ ᠪᠦᠲᠦᠮᠵᠢ ᠶᠢ ᠡᠷᠳᠡᠭᠡᠨ ᠡᠳ᠋ᠯᠡᠭᠦᠯᠦᠨ᠎ᠡ᠃ 3.67 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠣᠷᠣᠭᠤᠯᠵᠣ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠪᠣᠯᠣᠨ ᠣᠷᠣᠨ ᠰᠠᠭᠤᠴᠠ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠲᠦᠯᠦᠪᠵᠢᠭᠦᠯᠬᠡ ᠨᠠᠶᠢᠷᠠᠭᠤᠯᠬᠤ᠂ ᠢᠨᠵᠧᠨᠧᠷᠢᠩ ᠤᠨ ᠳᠠᠭᠠᠭᠠᠴᠢᠯᠠᠯᠳᠠ ᠵᠠᠷᠯᠠᠯᠳᠠ᠂ ᠬᠡᠯᠡᠯᠴᠡᠭᠡᠷ ᠲᠣᠭᠳᠠᠬᠤ᠂ ᠬᠦᠳᠡᠯᠮᠦᠷᠢ ᠬᠦᠴᠦ ᠪᠣᠯᠣᠨ ᠮᠠᠲ᠋ᠧᠷᠢᠶᠠᠯ ᠪᠡᠯᠡᠳᠭᠡᠬᠦ᠂ ᠨᠣᠷᠠᠬᠤ ᠠᠶᠣᠯᠳᠠᠢ ᠭᠡᠷ ᠪᠠᠶᠢᠰᠢᠩ ᠢ ᠨᠣᠷᠠᠭᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠴᠠᠭ ᠢ ᠵᠠᠪᠳᠣᠨ ᠰᠠᠶᠢᠳᠣᠷ ᠬᠢᠵᠦ᠂ ᠪᠦᠬᠦ ᠲᠠᠯ᠎ᠠ ᠪᠠᠷ ᠪᠠᠷᠢᠯᠭ᠎ᠠ ᠡᠬᠢᠯᠡᠭᠦᠯᠬᠦ ᠶᠢ ᠪᠠᠳᠣᠯᠠᠬᠤ ᠬᠡᠷᠡᠭᠳᠠᠢ᠃ ᠴᠠᠭ ᠤᠨ ᠬᠢᠵᠠᠭᠠᠷ ᠂ ᠠᠬᠢᠴᠠ᠂ ᠶᠠᠰᠣ ᠴᠢᠨᠠᠷ ᠢ ᠪᠠᠳᠣᠯᠠᠵᠣ᠂ ᠭᠤᠷᠪᠠᠨ ᠵᠢᠯ ᠤᠨ ᠪᠦᠲᠦᠭᠡᠨ ᠪᠠᠶᠢᠭᠤᠯᠬᠤ ᠡᠭᠦᠷᠭᠡ ᠶᠢ ᠦᠨᠳᠦᠷ ᠪᠠᠷᠢᠮᠵᠢᠶ᠎ᠠ ᠪᠠᠷ ᠪᠡᠶᠡᠯᠡᠭᠦᠯᠦᠨ᠎ᠡ᠃ ᠡᠭᠦᠨ ᠤ ᠬᠠᠮᠳᠣ᠂ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠭᠡᠶᠢᠯᠡᠨ ᠵᠠᠰᠠᠬᠤ ᠪᠣᠯᠣᠨ ᠪᠠᠶᠢᠩᠭᠤ ᠶᠢᠨ ᠬᠠᠮᠢᠶᠠᠷᠣᠯᠳᠠ ᠬᠠᠮᠠᠭᠠᠯᠠᠯᠳᠠ ᠶᠢ ᠰᠠᠶᠢᠳᠣᠷ ᠠᠳᠬᠤᠵᠣ᠂ ᠬᠠᠷᠢᠭᠤᠴᠠᠯᠭ᠎ᠠ ᠡᠭᠦᠷᠭᠡᠯᠡᠭᠴᠢ᠂ ᠪᠡᠯᠡ ᠣᠷᠣᠭᠤᠯᠣᠭᠴᠢ ᠪᠣᠯᠣᠨ ᠬᠢᠨᠠᠨ ᠬᠠᠮᠢᠶᠠᠷᠣᠭᠴᠢ ᠡᠳᠡᠭᠡᠳ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠣ᠂ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠦᠷ᠎ᠡ ᠪᠦᠲᠦᠮᠵᠢ ᠶᠢ ᠰᠠᠶᠢᠳᠣᠷ ᠪᠠᠳᠣᠳᠬᠠᠨ᠎ᠠ᠃     ︵ᠲᠠᠪᠤ︶ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠪᠠᠷ ᠬᠦᠳᠡᠯᠭᠡᠬᠦ ᠬᠦᠴᠦᠨ ᠪᠣᠯᠭᠠᠵᠣ᠂ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠢᠳᠡᠪᠬᠢᠵᠢᠯ ᠢ ᠳᠠᠶᠢᠴᠢᠯᠠᠨ᠎ᠠ     ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠳᠡᠭᠡᠲᠦ ᠱᠠᠳᠣᠨ ᠤ ᠲᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠤᠨ ᠲᠦᠷᠢᠮ ᠶᠣᠰᠣᠭᠠᠷ᠂ ᠠᠵᠢᠯ ᠭᠦᠢᠴᠡᠳᠭᠡᠬᠦ ᠶᠠᠪᠣᠴᠠ ᠶᠢ ᠲᠦᠭᠦᠮᠴᠢᠯᠡᠨ᠂ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠣᠭᠰᠠᠨ ᠡᠯ᠎ᠡ ᠲᠦᠷᠦᠯ ᠤᠨ ᠦᠭᠡᠷᠡᠴᠢᠯᠡᠯᠳᠡ  ᠶᠢᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠡᠳ᠋ ᠤᠨ ᠵᠠᠰᠠᠭ ᠭᠠᠶᠢᠯᠢ᠂ ᠮᠦᠩᠭᠦᠨ ᠭᠦᠢᠯᠭᠡᠭᠡᠨ᠂ ᠨᠡᠶᠢᠭᠡᠮ ᠤᠨ ᠪᠠᠳᠣᠯᠠᠭ᠎ᠠ᠂ ᠮᠠᠯᠵᠢᠬᠤ ᠲᠠᠷᠢᠶᠠᠯᠠᠬᠤ ᠣᠷᠣᠨ ᠤ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠣᠨ ᠵᠠᠩᠭᠢᠯᠠᠭ᠎ᠠ ᠶᠢᠨ ᠭᠤᠭᠴᠣᠭᠠᠨ ᠳᠤ ᠴᠢᠬᠤᠯᠠ ᠶᠡᠭᠡ ᠵᠢᠯᠣᠭᠤᠳᠣᠨ ᠳᠠᠭᠠᠭᠤᠯᠬᠤ ᠦᠢᠯᠡᠳᠦᠯ ᠲᠠᠢ ᠦᠭᠡᠷᠡᠴᠢᠯᠡᠯᠳᠡ  ᠶᠢᠨ ᠠᠷᠭ᠎ᠠ ᠠᠪᠴᠠᠯ ᠤᠳ ᠢ ᠠᠪᠴᠣ᠂ ᠰᠢᠨᠵᠢᠯᠡᠭᠡ ᠮᠡᠷᠭᠡᠵᠢᠯ ᠰᠣᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠣᠵᠢᠯ ᠤᠨ ᠳᠠᠭᠠᠳᠬᠠᠯ ᠵᠡᠷᠭᠡ ᠭᠤᠣᠯᠳᠠᠯᠭ᠎ᠠ ᠲᠠᠢ ᠦᠭᠡᠷᠡᠴᠢᠯᠡᠯᠳᠡ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠣ᠂ 59 ᠲᠦᠷᠦᠯ ᠤᠨ ᠦᠭᠡᠷᠡᠴᠢᠯᠡᠯᠳᠡ ᠶᠢᠨ ᠦᠷ᠎ᠡ ᠪᠦᠲᠦᠮᠵᠢ ᠶᠢ ᠲᠦᠯᠦᠪᠯᠡᠨ ᠪᠦᠷᠢᠯᠳᠦᠭᠦᠯᠵᠦ᠂ ᠦᠭᠡᠷᠡᠴᠢᠯᠡᠯᠳᠡ ᠬᠦᠨᠵᠡᠭᠡᠶᠢᠷᠡᠯᠳᠡ ᠪᠠᠷ ᠡᠯ᠎ᠡ ᠲᠦᠷᠦᠯ ᠤᠨ ᠠᠵᠢᠯ ᠢ ᠪᠦᠲᠦᠮᠵᠢᠳᠠᠢ ᠨᠠᠶᠢᠳᠠᠪᠣᠷᠢᠵᠢᠭᠤᠯᠬᠤ ᠶᠢ ᠠᠬᠢᠭᠤᠯᠵᠣ᠂ ᠠᠵᠣ ᠠᠬᠤᠢ ᠨᠡᠶᠢᠭᠡᠮ ᠤᠨ ᠬᠦᠭᠵᠢᠯᠳᠡ ᠳᠤ ᠠᠰᠢᠭᠳᠠᠢ ᠲᠦᠷᠦ ᠶᠢᠨ ᠪᠣᠳᠣᠯᠭ᠎ᠠ ᠠᠷᠭ᠎ᠠ ᠠᠪᠴᠠᠯ ᠢ ᠲᠣᠭᠳᠠᠭᠠᠨ᠎ᠠ᠃     ︵ᠵᠢᠷᠭᠤᠭ᠎ᠠ︶ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠵᠣ᠂ ᠣᠯᠠᠨ ᠲᠦᠮᠡᠨ ᠳᠤ ᠨᠡᠩ ᠶᠡᠭᠡ ᠵᠣᠯ ᠵᠢᠷᠭᠠᠯ ᠡᠳ᠋ᠯᠡᠭᠦᠯᠦᠨ᠎ᠡ     ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠰᠢᠪᠳᠦᠯᠦᠯᠳᠡ ᠬᠢᠬᠦ ᠠᠵᠢᠯ ᠢ ᠰᠠᠶᠢᠳᠣᠷ ᠪᠡᠶᠡᠯᠡᠭᠦᠯᠦᠨ᠎ᠡ᠃ ︽ᠵᠢᠷᠭᠤᠭᠠᠨ ᠨᠠᠷᠢᠯᠢᠭ ᠣᠨᠣᠪᠴᠢᠳᠠᠢ︾ ᠪᠣᠯᠣᠨ ︽ᠲᠠᠪᠣᠨ ᠨᠢᠭᠡ ᠪᠦᠯᠦᠭ︾ ᠤᠨ ᠱᠠᠭᠠᠷᠳᠠᠯᠭ᠎ᠠ ᠶᠣᠰᠣᠭᠠᠷ᠂ ᠦᠨᠦ ᠵᠢᠯ ᠳᠤ 1775 ᠶᠠᠳᠠᠭᠤ ᠬᠦᠴᠢᠷᠳᠡᠯᠳᠠᠢ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠶᠢ ᠪᠠᠳᠣᠯᠠᠵᠣ᠂ ᠶᠠᠳᠠᠭᠤ ᠠᠴᠠ ᠠᠩᠭᠢᠵᠢᠷᠠᠭᠤᠯᠬᠤ ᠶᠡᠷᠦᠩᠭᠡᠢ ᠡᠭᠦᠷᠭᠡ ᠶᠢᠨ 41% ᠶᠢ ᠪᠡᠶᠡᠯᠡᠭᠦᠯᠦᠨ᠎ᠡ᠃ ᠦᠢᠯᠡᠳᠪᠦᠷᠢᠯᠡᠯ ᠢᠶᠠᠷ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠣᠨ᠎ᠠ᠃ ᠠᠵᠣ ᠦᠢᠯᠡᠰ ᠤᠨ ᠳᠠᠶᠢᠴᠢᠯᠠᠬᠤ ᠴᠢᠳᠠᠪᠣᠷᠢ ᠲᠠᠢ ᠭᠠᠴᠠᠭ᠎ᠠ ᠲᠣᠰᠬᠤᠨ ᠳᠤ ︽ᠨᠢᠭᠡ ᠲᠣᠰᠬᠤᠨ ᠳᠤ ᠨᠢᠭᠡ ᠪᠦᠲᠦᠭᠡᠭᠳᠡᠭᠦᠨ︾ ᠤ ᠠᠵᠣ ᠦᠢᠯᠡᠰ ᠢ ᠠᠬᠢᠭᠤᠯᠬᠤ ᠠᠵᠢᠯᠯᠠᠭ᠎ᠠ ᠶᠢ ᠬᠦᠨᠵᠡᠭᠡᠢ ᠬᠡᠷᠡᠭᠵᠢᠭᠦᠯᠵᠦ᠂ ᠶᠠᠳᠠᠭᠤ ᠬᠦᠴᠢᠷᠳᠡᠯᠳᠠᠢ ᠡᠷᠦᠭᠡ ᠶᠢᠨ ᠲᠣᠬᠠᠢ ᠶᠢᠨ ᠭᠠᠵᠠᠷ ᠲᠠᠭᠠᠨ ᠲᠣᠬᠢᠷᠠᠭᠤᠯᠣᠨ ᠣᠨᠴᠠᠯᠢᠭᠳᠣ ᠠᠵᠣ ᠦᠢᠯᠡᠰ ᠬᠦᠭᠵᠢᠭᠦᠯᠬᠦ ᠶᠢ ᠨᠢ ᠵᠢᠯᠣᠭᠤᠳᠣᠨ ᠳᠡᠮᠵᠢᠨ᠎ᠡ᠃ 855 ᠲᠦᠮᠡᠨ ᠲᠦᠭᠦᠷᠢᠭ ᠤᠨ ᠪᠡᠯᠡ ᠮᠦᠩᠭᠦ ᠣᠷᠣᠭᠤᠯᠵᠣ᠂ 19 ᠭᠠᠴᠠᠭ᠎ᠠ ᠲᠣᠰᠬᠤᠨ ᠤ ︽ᠭᠤᠷᠪᠠ ᠶᠢ ᠭᠠᠴᠠᠭ᠎ᠠ ᠲᠣᠰᠬᠤᠨ  ᠳᠤ ᠬᠦᠷᠭᠡᠵᠦ ᠭᠤᠷᠪᠠ ᠶᠢ ᠡᠷᠦᠭᠡ ᠳᠤ ᠬᠦᠷᠭᠡᠬᠦ︾ ᠢᠨᠵᠧᠨᠧᠷᠢᠩ ᠢ ᠦᠷᠭᠦᠯᠵᠢᠯᠡᠨ ᠰᠠᠶᠢᠳᠣᠷ ᠬᠡᠷᠡᠭᠵᠢᠭᠦᠯᠵᠦ᠂ ᠶᠠᠳᠠᠭᠤ ᠶᠢ ᠳᠡᠳᠭᠦᠬᠦ ᠠᠵᠣ ᠦᠢᠯᠡᠰ ᠤᠨ ᠲᠦᠷᠦᠯ ᠵᠦᠢᠯ ᠢ ᠵᠦᠢ ᠵᠣᠬᠢᠰᠳᠠᠢ ᠲᠣᠭᠳᠠᠭᠠᠨ᠎ᠠ᠃ ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠭᠦᠬᠦ ᠵᠢᠭᠡᠯᠡᠯᠭᠡ 1 ᠳ᠋ᠦᠩᠰᠢᠭᠤᠷ ᠲᠦᠭᠦᠷᠢᠭ ᠢ ᠲᠠᠷᠬᠠᠭᠠᠨ ᠦᠭᠬᠦ ᠪᠠᠷ ᠲᠦᠯᠦᠪᠯᠡᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠲᠣᠬᠠᠢ ᠶᠢᠨ ᠭᠠᠵᠠᠷ ᠲᠤᠨᠢ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠣᠨ᠎ᠠ᠃ ᠵᠢᠭᠤᠯᠴᠢᠯᠠᠯ ᠢᠶᠠᠷ ᠶᠠᠳᠠᠭᠤ ᠶᠢ ᠳᠡᠳᠭᠦᠬᠦ᠂ ᠨᠠᠷᠠᠨ ᠡᠨᠧᠷᠬᠢ ᠶᠢᠨ ᠲᠦᠬᠦᠭᠡᠷᠦᠮᠵᠢ ᠪᠠᠷ ᠲᠠᠷᠢᠶᠠᠯᠠᠬᠤ ᠣᠷᠣᠨ ᠤ ᠶᠠᠳᠠᠭᠤ ᠶᠢ ᠳᠡᠳᠭᠦᠬᠦ ᠲᠦᠷᠦᠯ ᠵᠦᠢᠯ ᠢ ᠢᠳᠡᠪᠬᠢᠳᠠᠢ ᠬᠠᠶᠢᠨ ᠰᠦᠪᠡᠭᠴᠢᠯᠡᠨ᠎ᠡ᠃ ᠦᠢᠯᠡᠳᠪᠦᠷᠢᠯᠡᠯ ᠤᠨ ᠬᠦᠭᠵᠢᠯᠳᠡ ᠪᠠᠷ 710 ᠬᠦᠮᠦᠨ ᠢ ᠳᠠᠶᠢᠴᠢᠯᠠᠨ ᠳᠠᠭᠠᠭᠤᠯᠵᠣ᠂ ᠶᠠᠳᠠᠭᠤ  ᠠᠴᠠ ᠠᠩᠭᠢᠵᠢᠷᠠᠭᠤᠯᠣᠨ ᠴᠢᠨᠡᠭᠡᠯᠢᠭᠵᠢᠭᠦᠯᠦᠨ᠎ᠡ᠃ ᠣᠨᠳᠣᠣ ᠭᠠᠵᠠᠷ ᠲᠤ ᠨᠡᠭᠦᠯᠭᠡᠬᠦ ᠪᠠᠷ ᠳᠠᠮᠵᠢᠨ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠣᠨ᠎ᠠ᠃ ᠣᠷᠣᠰᠢᠨ ᠠᠮᠢᠳᠣᠷᠠᠬᠤ ᠣᠷᠴᠢᠨ ᠲᠣᠭᠤᠷᠢᠨ ᠮᠠᠭᠤ ᠭᠠᠴᠠᠭ᠎ᠠ ᠲᠣᠰᠬᠤᠨ ᠢ ᠨᠡᠭᠦᠯᠭᠡᠨ ᠰᠢᠯᠵᠢᠭᠦᠯᠵᠦ ᠠᠵᠢᠯ ᠣᠯᠭᠤᠬᠤ ᠪᠠᠷ ᠳᠠᠮᠵᠢᠨ᠂ 200 ᠬᠦᠮᠦᠨ ᠢ ᠳᠠᠶᠢᠴᠢᠯᠠᠨ ᠶᠠᠳᠠᠭᠤ ᠠᠴᠠ ᠨᠢ ᠠᠩᠭᠢᠵᠢᠷᠠᠭᠤᠯᠣᠨ᠎ᠠ᠃ ᠠᠮᠢ ᠠᠬᠤᠢ ᠶᠢᠨ ᠨᠦᠬᠦᠪᠦᠷᠢ ᠮᠦᠩᠭᠦ ᠪᠠᠷ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠣᠨ᠎ᠠ᠃ ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ ᠭᠠᠵᠠᠷ ᠣᠷᠣᠨ ᠳᠤ᠂ ᠠᠮᠢ ᠠᠬᠤᠢ ᠶᠢᠨ ᠨᠦᠬᠦᠪᠦᠷᠢ ᠪᠣᠯᠣᠨ ᠠᠮᠢ ᠠᠬᠤᠢ ᠶᠢ ᠬᠠᠮᠠᠭᠠᠯᠠᠬᠤ ᠢᠨᠵᠧᠨᠧᠷᠢᠩ ᠤᠨ ᠪᠡᠯᠡ ᠮᠦᠩᠭᠦ ᠶᠢ ᠰᠠᠶᠢᠳᠣᠷ ᠠᠰᠢᠭᠯᠠᠵᠣ᠂ 532 ᠬᠦᠮᠦᠨ ᠢ ᠶᠠᠳᠠᠭᠤ ᠠᠴᠠ ᠠᠩᠭᠢᠵᠢᠷᠠᠭᠤᠯᠣᠨ᠎ᠠ᠃ ᠰᠣᠷᠭᠠᠨ ᠬᠦᠮᠦᠵᠢᠯ ᠤᠨ ᠬᠦᠭᠵᠢᠯᠳᠡ ᠪᠠᠷ ᠨᠢᠭᠡ ᠪᠦᠯᠦᠭ  ᠢ ᠶᠠᠳᠠᠭᠤ ᠠᠴᠠ ᠠᠩᠭᠢᠵᠢᠷᠠᠭᠤᠯᠣᠨ᠎ᠠ᠃ 15 ᠵᠢᠯ ᠰᠦᠢᠳᠭᠡᠯ ᠬᠤᠷᠢᠶᠠᠬᠤ ᠦᠭᠡᠢ ᠪᠠᠷ ᠰᠣᠷᠭᠠᠨ ᠬᠦᠮᠦᠵᠢᠯ ᠬᠦᠷᠳᠡᠭᠡᠬᠦ᠂ ᠶᠠᠳᠠᠭᠤ ᠬᠦᠴᠢᠷᠳᠡᠯᠳᠠᠢ ᠣᠶᠣᠳᠠᠨ ᠪᠦᠷᠢ ᠳᠤ ᠵᠢᠯ ᠪᠣᠯᠭᠠᠨ 1 ᠲᠦᠮᠡᠨ ᠲᠦᠭᠦᠷᠢᠭ ᠤᠨ ᠨᠦᠬᠦᠪᠦᠷᠢ ᠦᠭᠬᠦ ᠵᠡᠷᠭᠡ ᠲᠦᠷᠦ ᠶᠢᠨ ᠪᠣᠳᠣᠯᠭ᠎ᠠ ᠶᠢ ᠰᠠᠶᠢᠳᠣᠷ ᠬᠡᠷᠡᠭᠵᠢᠭᠦᠯᠵᠦ᠂ ᠬᠤᠳᠠ ᠣᠷᠣᠵᠣ ᠰᠣᠷᠭᠠᠭᠤᠯᠢ ᠳᠤ ᠰᠠᠭᠤᠬᠤ ᠶᠡᠳᠠᠭᠤ ᠬᠦᠴᠢᠷᠳᠡᠯᠳᠠᠢ ᠭᠡᠷ ᠪᠦᠯᠢ ᠶᠢᠨ ᠦᠷ᠎ᠡ ᠬᠡᠣᠬᠡᠳ ᠲᠤ ᠠᠮᠢᠳᠣᠷᠠᠯ ᠤᠨ ᠨᠦᠬᠦᠪᠦᠷᠢ ᠦᠭᠭᠦ ᠲᠦᠷᠦ ᠶᠢᠨ ᠪᠣᠳᠣᠯᠭ᠎ᠠ ᠶᠢ ᠰᠠᠶᠢᠳᠣᠷ ᠨᠠᠶᠢᠳᠠᠪᠣᠷᠢᠵᠢᠭᠤᠯᠵᠣ᠂ 67 ᠬᠦᠮᠦᠨ ᠢ ᠶᠠᠳᠠᠭᠤ ᠠᠴᠠ ᠠᠩᠭᠢᠵᠢᠷᠠᠭᠤᠯᠣᠨ᠎ᠠ᠃ ᠨᠡᠶᠢᠭᠡᠮ  ᠤᠨ ᠪᠠᠳᠣᠯᠠᠭ᠎ᠠ ᠪᠠᠷ ᠨᠢᠭᠡ ᠪᠦᠯᠦᠭ ᠢ ᠶᠠᠳᠠᠭᠤ ᠠᠴᠠ ᠠᠩᠭᠢᠵᠢᠷᠠᠭᠤᠯᠣᠨ᠎ᠠ᠃ ᠬᠦᠳᠡᠯᠮᠦᠷᠢ ᠬᠦᠴᠦᠨ ᠦᠭᠡᠢ ᠶᠠᠳᠠᠭᠤ ᠬᠦᠴᠢᠷᠳᠡᠯᠳᠠᠢ ᠬᠦᠮᠦᠨ ᠠᠮᠠ ᠳᠤ ᠨᠠᠰᠣᠵᠢᠯ᠂ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ᠂ ᠲᠠᠪᠣᠨ ᠪᠠᠳᠣᠯᠠᠭ᠎ᠠ ᠵᠡᠷᠭᠡ ᠨᠡᠶᠢᠭᠡᠮ ᠤᠨ ᠪᠠᠳᠣᠯᠠᠭ᠎ᠠ ᠣᠯᠭᠤᠵᠣ᠂ ᠡᠪᠡᠳᠴᠢᠨ ᠡᠮᠭᠡᠭ ᠠᠴᠠ ᠪᠣᠯᠵᠣ ᠶᠠᠳᠠᠭᠤᠷᠠᠭᠰᠠᠳ ᠢ ᠪᠦᠬᠦᠨ ᠢ ᠡᠮ ᠡᠮᠨᠡᠯᠭᠡ ᠶᠢᠨ ᠳᠠᠭᠠᠳᠬᠠᠯ ᠪᠣᠯᠣᠨ ᠡᠮ ᠡᠮᠨᠡᠯᠭᠡ ᠶᠢᠨ ᠠᠪᠣᠷᠠᠨ ᠲᠣᠰᠠᠯᠠᠬᠤ ᠶᠢ ᠪᠦᠷᠬᠦᠭᠦᠯᠬᠦ ᠬᠡᠪᠴᠢᠶᠡᠨ ᠳᠤ ᠣᠷᠣᠭᠤᠯᠵᠣ᠂ 266 ᠬᠦᠮᠦᠨ ᠤ ᠬᠦᠴᠢᠷᠳᠡᠯ ᠢ ᠰᠢᠢᠳᠪᠦᠷᠢᠯᠡᠨ᠎ᠡ᠃      ᠬᠤᠶᠠᠷ ᠲᠤ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠎ᠡ᠃ ᠬᠦᠭᠵᠢᠯᠳᠡ ᠶᠢᠨ ᠰᠡᠳᠬᠢᠴᠡ᠂ ᠬᠦᠭᠵᠢᠯᠳᠡ ᠶᠢᠨ ᠴᠢᠭᠯᠡᠯ ᠪᠣᠯᠣᠨ ᠬᠦᠭᠵᠢᠯᠳᠡ ᠶᠢᠨ ᠭᠤᠣᠯᠳᠠᠯᠭ᠎ᠠ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠲᠦᠮᠡᠨ ᠤ ᠬᠠᠮᠤᠭ ᠠᠴᠠ ᠬᠠᠯᠠᠮᠵᠢᠯᠠᠵᠣ ᠪᠠᠶᠢᠭ᠎ᠠ᠂ ᠬᠠᠮᠤᠭ ᠤᠨ ᠪᠣᠳᠠᠳᠠᠢ ᠠᠰᠢᠭ ᠲᠣᠰᠠ ᠶᠢᠨ ᠠᠰᠠᠭᠤᠳᠠᠯ  ᠢ ᠵᠣᠷᠢᠭ ᠰᠢᠭᠤᠳᠣᠨ ᠰᠢᠢᠳᠪᠦᠷᠢᠯᠡᠨ᠎ᠡ᠃ ᠰᠣᠷᠭᠠᠨ ᠬᠦᠮᠦᠵᠢᠯ ᠤᠨ ᠶᠠᠰᠣ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ ᠰᠠᠭᠤᠷᠢ ᠰᠣᠷᠭᠠᠨ ᠬᠦᠮᠦᠵᠢᠯ ᠤᠨ ᠶᠠᠰᠣ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ  ᠶᠢ ᠦᠷᠭᠦᠯᠵᠢᠯᠡᠨ ᠠᠬᠢᠭᠤᠯᠵᠣ᠂ ᠵᠢᠩᠭᠢᠨᠢ ᠠᠩᠭᠢ ᠳᠤ ᠡᠯᠰᠡᠭᠳᠡᠬᠦ ᠨᠣᠷᠮ᠎ᠠ ᠪᠣᠯᠣᠨ ᠳᠣᠮᠳᠠ ᠰᠢᠯᠭᠠᠯᠳᠠ ᠶᠢᠨ ᠬᠤᠪᠢ ᠶᠢ ᠮᠡᠳᠡᠭᠳᠡᠮ᠎ᠡ ᠳᠡᠭᠡᠭᠰᠢᠯᠡᠭᠦᠯᠦᠨ᠎ᠡ᠃ ︽ᠭᠤᠷᠪᠠ ᠶᠢ ᠨᠡᠪᠳᠡᠷᠡᠭᠦᠯᠬᠦ ᠬᠤᠶᠠᠷ ᠲᠠᠪᠴᠠᠩ ᠢ ᠪᠠᠶᠢᠭᠤᠯᠬᠤ︾ ᠪᠠᠶᠢᠭᠤᠯᠣᠯᠳᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠣᠬᠢ ᠰᠢᠯᠢᠳᠡᠭ ᠰᠣᠷᠭᠠᠨ ᠬᠦᠮᠦᠵᠢᠯ ᠤᠨ ᠡᠬᠢ ᠪᠠᠶᠠᠯᠢᠭ ᠢ ᠬᠠᠮᠳᠣᠪᠡᠷ ᠡᠳ᠋ᠯᠡᠬᠦ ᠵᠢᠴᠢ ᠬᠠᠮᠳᠣᠪᠡᠷ ᠪᠠᠶᠢᠭᠤᠯᠬᠤ ᠶᠢ ᠪᠡᠶᠡᠯᠡᠭᠦᠯᠦᠨ᠎ᠡ᠃ ᠨᠣᠮ ᠣᠩᠰᠢᠬᠤ ᠠᠵᠢᠯᠯᠠᠭ᠎ᠠ ᠶᠢ ᠦᠷᠨᠢᠭᠦᠯᠵᠦ᠂ ᠨᠣᠮ ᠢᠯᠡᠬᠦᠦ ᠣᠩᠰᠢᠬᠤ᠂ ᠰᠠᠶᠢᠨ ᠨᠣᠮ ᠣᠩᠰᠢᠬᠤ᠂ ᠨᠣᠮ ᠣᠩᠰᠢᠬᠤ ᠳᠣᠷᠠᠳᠠᠢ ᠪᠣᠯᠬᠤ ᠰᠣᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠣᠯᠠᠮ ᠨᠢᠭᠡ ᠠᠯᠬᠤᠮ ᠪᠦᠷᠢᠯᠳᠦᠭᠦᠯᠦᠨ᠎ᠡ᠃ ᠦᠨᠦ ᠵᠢᠯ ᠳᠤ ᠲᠣᠳᠠᠭᠳᠠᠵᠣ ᠪᠠᠶᠢᠭ᠎ᠠ ᠲᠣᠰᠬᠠᠢ ᠮᠡᠷᠭᠡᠵᠢᠯ ᠤᠨ ᠪᠠᠭᠰᠢ ᠶᠢ ᠡᠯᠰᠡᠬᠦ ᠪᠠᠷ ᠲᠦᠯᠦᠪᠯᠡᠵᠦ᠂ ᠪᠠᠭᠰᠢ  ᠶᠢᠨ ᠡᠩᠨᠡᠭᠡᠨ ᠤ ᠪᠦᠲᠦᠴᠡ ᠶᠢ ᠪᠦᠲᠦᠮᠵᠢᠳᠠᠢ  ᠰᠢᠯᠢᠳᠡᠭᠵᠢᠭᠦᠯᠦᠨ᠎ᠡ᠃ ᠮᠣᠩᠭᠤᠯ ᠳᠣᠮᠳᠠᠳᠣ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠪᠠᠶᠢᠭᠤᠯᠣᠯᠳᠠ ᠶᠢ ᠲᠦᠷᠭᠡᠨ ᠠᠬᠢᠭᠤᠯᠵᠣ᠂ ᠦᠨᠦ ᠵᠢᠯ ᠳᠤ ᠭᠤᠣᠯ ᠪᠠᠷᠢᠯᠭ᠎ᠠ ᠶᠢ ᠳᠠᠭᠤᠰᠬᠠᠬᠤ ᠶᠢ ᠪᠠᠳᠣᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠡᠮᠨᠡᠯᠭᠡ ᠶᠢᠨ ᠶᠠᠰᠣ ᠴᠢᠨᠠᠷ ᠪᠣᠯᠣᠨ ᠦᠢᠯᠡᠴᠢᠯᠡᠭᠡᠨ ᠤ ᠴᠢᠳᠠᠪᠣᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠡᠮᠨᠡᠯᠭᠡ ᠶᠢᠨ ᠲᠣᠰᠬᠠᠢ ᠮᠡᠷᠭᠡᠵᠢᠯᠳᠡᠨ ᠢ ᠣᠷᠢᠵᠣ ᠣᠷᠣᠭᠤᠯᠬᠤ ᠪᠣᠯᠣᠨ ᠣᠳᠣ ᠶᠢᠨ ᠪᠠᠶᠢᠭ᠎ᠠ ᠡᠮᠨᠡᠯᠭᠡ ᠶᠢᠨ ᠡᠩᠨᠡᠭᠡᠨ ᠤ ᠪᠣᠯᠪᠠᠰᠣᠷᠠᠯ ᠬᠦᠮᠦᠵᠢᠯ ᠢ ᠢᠳᠡᠪᠬᠢᠳᠠᠢ ᠰᠦᠪᠡᠭᠴᠢᠯᠡᠵᠦ᠂ ᠠᠵᠢᠯ ᠲᠦᠷᠦᠯ ᠤᠨ ᠳᠡᠮᠵᠢᠨ ᠬᠠᠮᠵᠢᠯᠴᠠᠬᠤ ᠵᠣᠬᠢᠴᠠᠮᠵᠢ ᠶᠢ ᠪᠠᠶᠢᠭᠤᠯᠣᠨ ᠳᠡᠭᠦᠯᠳᠡᠷᠵᠢᠭᠦᠯᠵᠦ᠂ ᠬᠤᠯᠪᠣᠭᠠᠯᠠᠨ ᠣᠨᠣᠰᠢᠯᠠᠬᠤ᠂ ᠠᠯᠣᠰ ᠠᠴᠠ ᠬᠠᠮᠳᠣᠷᠠᠨ ᠣᠨᠣᠰᠢᠯᠠᠬᠤ ᠦᠢᠯᠡᠴᠢᠯᠡᠭᠡ ᠶᠢ ᠦᠷᠭᠡᠳᠭᠡᠵᠦ᠂ ᠬᠦᠩᠭᠡᠵᠢᠭᠦᠯᠬᠦ ᠰᠠᠯᠠᠭ᠎ᠠ᠂ ᠭᠡᠣᠭᠡᠳ ᠤᠨ ᠰᠠᠯᠠᠭ᠎ᠠ᠂ ᠡᠩ ᠤᠨ ᠭᠠᠳᠠᠷ ᠰᠠᠯᠠᠭ᠎ᠠ ᠵᠡᠷᠭᠡ ᠰᠠᠯᠠᠭᠠᠨ ᠤ ᠪᠠᠶᠢᠭᠤᠯᠣᠯᠳᠠ  ᠶᠢ ᠴᠢᠩᠭᠠᠳᠬᠠᠵᠣ᠂ ᠡᠮᠨᠡᠯᠭᠡ ᠶᠢᠨ ᠶᠠᠰᠣ ᠴᠢᠨᠠᠷ ᠪᠣᠯᠣᠨ ᠦᠢᠯᠡᠴᠢᠯᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠮᠣᠩᠭᠤᠯ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠡᠪᠡᠳᠴᠢᠳᠠᠨ ᠤ ᠦᠷᠦᠬᠡ ᠡᠮ ᠨᠠᠶᠢᠷᠠᠯᠳᠠ ᠶᠢᠨ ᠶᠡᠷᠦᠩᠭᠡᠶᠢᠯᠡᠭᠰᠡᠨ ᠠᠰᠠᠷ ᠢ ᠪᠠᠷᠢᠯᠭ᠎ᠠ ᠡᠬᠢᠯᠡᠬᠦᠯᠵᠦ᠂ ᠦᠨᠳᠦᠰᠦᠳᠡᠨ ᠤ ᠡᠮ ᠡᠮᠨᠡᠯᠭᠡ ᠪᠣᠯᠣᠨ ᠡᠷᠡᠭᠦᠯᠵᠢᠯ ᠤᠨ ᠠᠵᠣ ᠦᠢᠯᠡᠰ ᠤᠨ ᠣᠶᠠᠯᠳᠣᠭᠰᠠᠨ ᠬᠦᠭᠵᠢᠯᠳᠡ ᠶᠢ ᠠᠬᠢᠭᠤᠯᠣᠨ᠎ᠠ᠃ ᠮᠠᠯᠴᠢᠨ ᠲᠠᠷᠢᠶᠠᠴᠢᠨ ᠳᠤ ᠰᠦᠢᠳᠭᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠦᠭᠭᠦ ᠠᠵᠢᠯ ᠢ ᠦᠷᠭᠦᠯᠵᠢᠯᠡᠨ ᠦᠷᠨᠢᠭᠦᠯᠵᠦ᠂ 2892 ᠵᠢᠵᠢᠭ ᠡᠮ ᠤᠨ ᠬᠠᠶᠢᠷᠴᠠᠭ ᠢ ᠲᠠᠷᠬᠠᠭᠠᠨ ᠦᠭᠴᠦ᠂ ᠮᠠᠯᠴᠢᠨ ᠲᠠᠷᠢᠶᠠᠴᠢᠨ ᠤ ᠡᠪᠡᠳᠴᠢᠨ ᠦᠵᠡᠭᠦᠯᠬᠦ  ᠳᠤ ᠬᠦᠴᠢᠷ᠂ ᠡᠮᠨᠡᠯᠭᠡ ᠶᠢᠨ ᠵᠠᠷᠣᠳᠠᠯ ᠦᠨᠡᠳᠠᠢ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠦᠢᠯᠡᠰ ᠪᠣᠰᠬᠠᠬᠤ ᠠᠵᠢᠯ ᠣᠯᠭᠤᠬᠤ ᠢᠨᠵᠧᠨᠧᠷᠢᠩ ᠢ ᠯᠠᠪᠳᠠᠭᠤᠨ ᠪᠠᠳᠣᠳᠠᠢ ᠠᠬᠢᠭᠤᠯᠣᠨ᠎ᠠ᠃ ᠣᠯᠠᠨ ᠲᠦᠮᠡᠨ ᠦᠢᠯᠡᠰ ᠪᠣᠰᠬᠠᠬᠤ᠂ ᠰᠢᠨ᠎ᠡ ᠶᠢ ᠡᠭᠦᠳᠬᠦ ︽ᠬᠤᠶᠠᠷ ᠢ ᠡᠭᠦᠳᠬᠦ︾ ᠠᠵᠢᠯᠯᠠᠭ᠎ᠠ ᠶᠢ ᠠᠬᠢᠭᠤᠯᠣᠨ᠎ᠠ᠃ ᠦᠨᠦ ᠵᠢᠯ ᠳᠤ 7000 ᠠᠵᠢᠯ ᠤᠨ ᠪᠠᠶᠢᠷᠢ ᠶᠢ ᠴᠣᠭᠯᠠᠭᠤᠯᠵᠣ᠂ ᠬᠤᠳᠠ ᠪᠠᠯᠭᠠᠰᠣᠨ ᠤ ᠡᠯ᠎ᠡ ᠲᠦᠷᠦᠯ ᠤᠨ ᠮᠡᠷᠭᠡᠵᠢᠯ ᠤᠨ 1500 ᠬᠦᠮᠦᠨ ᠳᠤ ᠬᠦᠳᠡᠯᠦᠩᠭᠦᠢ ᠠᠵᠢᠯ ᠣᠯᠭᠤᠵᠣ᠂ 3600 ᠲᠦᠮᠡᠨ ᠲᠦᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠲᠠᠯᠪᠢᠨ᠎ᠠ᠃ ︽ᠠᠵᠢᠯ ᠲᠠᠢ ᠬᠦᠮᠦᠨ ᠦᠭᠡᠢ︾ ᠭᠡᠷ ᠪᠦᠯᠢ ᠶᠢᠨ ᠠᠰᠠᠭᠤᠳᠠᠯ ᠢ ᠰᠢᠢᠳᠪᠦᠷᠢᠯᠡᠨ᠎ᠡ᠃ ᠵᠢᠩ ᠳ᠋ᠦᠩ ᠺᠣᠮᠫᠠᠨᠢ ᠲᠠᠢ ᠬᠠᠮᠵᠢᠯᠴᠠᠭ᠎ᠠ ᠪᠠᠨ ᠴᠢᠩᠭᠠᠳᠬᠠᠵᠣ᠂ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠦᠢᠯᠡᠰ ᠪᠣᠰᠬᠠᠬᠤ ᠠᠵᠢᠯ ᠦᠢᠯᠡᠰ ᠢ ᠬᠦᠪᠦᠷᠡᠭᠦᠯᠦᠨ ᠪᠣᠶᠢᠵᠢᠭᠤᠯᠵᠣ᠂ ᠨᠢᠭᠡ ᠪᠦᠯᠦᠭ ᠡᠯᠧᠺᠲᠷᠣᠨ ᠬᠤᠳᠠᠯᠳᠣᠭᠠᠨ  ᠤ ᠶᠠᠪᠣᠳᠠᠯ ᠤᠨ ᠠᠵᠢᠯᠳᠠᠨ ᠢ ᠬᠦᠮᠦᠵᠢᠭᠦᠯᠦᠨ᠎ᠡ᠃ ᠰᠢᠨ᠎ᠡ ᠶᠢ ᠡᠭᠦᠳᠦᠨ ᠦᠢᠯᠡᠰ ᠪᠣᠰᠬᠠᠬᠤ ᠶᠢ ᠵᠢᠯᠣᠭᠤᠳᠬᠤ ᠦᠢᠯᠡᠴᠢᠯᠡᠭᠡᠨ ᠤ ᠲᠦᠪ ᠤᠨ ᠵᠢᠯᠣᠭᠤᠳᠣᠨ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠣ᠂ ᠦᠢᠯᠡᠰ ᠪᠣᠰᠬᠠᠬᠤ ᠪᠠᠷ ᠠᠵᠢᠯ ᠣᠯᠭᠤᠯᠳᠠ ᠶᠢ ᠠᠬᠢᠭᠤᠯᠬᠤ ᠶᠢ ᠵᠣᠷᠢᠭᠵᠢᠭᠤᠯᠵᠣ᠂ ᠳᠡᠭᠡᠲᠦ ᠰᠣᠷᠭᠠᠭᠤᠯᠢ ᠲᠡᠭᠦᠰᠦᠭᠰᠡᠨ ᠣᠶᠣᠳᠠᠨ᠂ ᠬᠤᠳᠠ ᠣᠷᠣᠭᠰᠠᠨ ᠮᠠᠯᠴᠢᠨ ᠲᠠᠷᠢᠶᠠᠴᠢᠨ᠂ ᠬᠤᠳᠠ ᠬᠦᠳᠡᠭᠡ ᠶᠢᠨ ᠡᠯ᠎ᠡ ᠲᠦᠷᠦᠯ ᠤᠨ ᠮᠡᠷᠭᠡᠵᠢᠯ ᠤᠨ ᠠᠵᠢᠯ ᠠᠯᠳᠠᠭᠰᠠᠳ ᠤᠨ ᠠᠵᠢᠯ ᠣᠯᠭᠤᠯᠳᠠ ᠶᠢ ᠠᠬᠢᠭᠤᠯᠣᠨ᠎ᠠ᠃ ᠠᠩᠬᠠᠳᠣᠭᠠᠷ ᠬᠤᠭᠤᠴᠠᠭᠠᠨ ᠤ ᠦᠢᠯᠡᠰ ᠪᠣᠰᠬᠠᠬᠤ ᠣᠷᠣᠯᠳᠣᠭᠠᠨ᠂ ᠲᠣᠮᠣ ᠬᠡᠪᠴᠢᠶᠡᠨ ᠤ ᠠᠵᠢᠯᠳᠠᠨ ᠡᠯᠰᠡᠬᠦ ᠬᠤᠷᠠᠯ ᠢ ᠨᠢᠮᠪᠠᠢ ᠲᠦᠰᠦᠪᠯᠡᠨ ᠬᠢᠨ᠎ᠡ᠃ ᠬᠤᠳᠠ ᠬᠦᠳᠡᠭᠡ ᠶᠢ ᠪᠦᠷᠬᠦᠭᠰᠡᠨ ᠨᠡᠶᠢᠭᠡᠮ ᠤᠨ ᠪᠠᠳᠣᠯᠠᠭ᠎ᠠ ᠶᠢᠨ ᠲᠣᠭᠳᠠᠯᠴᠠᠭ᠎ᠠ ᠶᠢ ᠳᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠬᠦᠮᠦᠨ ᠳᠣᠮᠳᠠᠴᠢ ᠶᠢᠨ ᠪᠡᠯᠡ ᠴᠣᠭᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠷᠰᠢᠭᠰᠠᠨ ᠡᠮᠨᠡᠯᠭᠡ ᠳᠤ ᠣᠷᠣᠯᠴᠠᠬᠤ ᠨᠣᠷᠮ᠎ᠠ ᠶᠢ 97% ᠠᠴᠠ ᠳᠡᠭᠡᠭᠰᠢ ᠲᠣᠭᠳᠠᠪᠣᠷᠢᠵᠢᠭᠤᠯᠣᠨ᠎ᠠ᠃ ᠬᠤᠳᠠ ᠬᠦᠳᠡᠭᠡ ᠶᠢᠨ ᠨᠠᠰᠣᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 75% ᠠᠴᠠ ᠳᠡᠭᠡᠭᠰᠢ ᠳᠤ ᠬᠦᠷᠭᠡᠵᠦ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠡᠮᠨᠡᠯᠬᠡ ᠶᠢᠨ ᠳᠠᠭᠠᠳᠬᠠᠯ  ᠳᠤ ᠣᠷᠣᠯᠴᠠᠬᠤ ᠨᠣᠷᠮ᠎ᠠ ᠶᠢ 99% ᠳᠤ ᠬᠦᠷᠭᠡᠵᠦ᠂ ᠬᠤᠳᠠ ᠪᠠᠯᠭᠠᠰᠣᠨ ᠤ ᠠᠵᠣ ᠠᠬᠤᠶᠢᠯᠠᠯ ᠤᠨ ᠠᠵᠢᠯᠳᠠᠨ ᠤ ᠨᠠᠰᠣᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠭᠡᠨ᠎ᠡ᠃ ᠦᠨᠦᠴᠢᠨ ᠦᠷᠦᠭᠡᠰᠦᠨ ᠨᠠᠰᠣᠳᠠᠶᠢᠴᠣᠳ᠂ ᠵᠡᠮᠳᠡᠭᠴᠣᠳ ᠢ ᠠᠪᠣᠷᠠᠨ ᠲᠣᠰᠠᠯᠠᠬᠤ ᠬᠦᠴᠦᠯᠡᠴᠡ ᠪᠠᠨ ᠴᠢᠩᠭᠠᠳᠬᠠᠵᠣ᠂ ᠪᠠᠭᠤᠷᠠᠶᠢᠴᠣᠣᠯ ᠤᠨ ᠦᠨᠳᠦᠰᠦᠨ ᠠᠮᠢᠳᠣᠷᠠᠯ ᠢ ᠦᠨᠡᠨᠬᠦ ᠪᠠᠳᠣᠯᠠᠨ᠎ᠠ᠃ ᠪᠦᠬᠦ ᠠᠶᠢᠮᠠᠭ ᠲᠤ ᠨᠢᠭᠡᠳᠦᠯᠳᠠᠢ ᠬᠡᠷᠡᠭᠵᠢᠭᠦᠯᠬᠦ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠶᠢᠨ ᠵᠦᠷᠢᠶ᠎ᠡ ᠶᠢ ᠨᠢ ᠨᠦᠬᠦᠵᠦ ᠦᠭᠭᠦ ᠲᠣᠭᠳᠠᠭᠠᠯ  ᠢ ᠴᠢᠩᠭ᠎ᠠ ᠬᠡᠷᠡᠭᠵᠢᠭᠦᠯᠵᠦ᠂ ᠦᠨᠳᠦᠷ ᠨᠠᠰᠣᠨ ᠤ ᠨᠦᠬᠦᠪᠦᠷᠢ ᠬᠦᠷᠳᠡᠬᠦ ᠬᠡᠪᠴᠢᠶ᠎ᠡ ᠶᠢ ᠪᠦᠬᠦᠯᠢ 77 ᠨᠠᠰᠣ ᠪᠣᠯᠭᠠᠨ ᠦᠷᠭᠡᠳᠭᠡᠨ᠎ᠡ᠃ ᠰᠣᠶᠣᠯ ᠤᠨ ᠦᠢᠯᠡᠰ ᠤᠨ ᠬᠦᠭᠵᠢᠯᠳᠡ ᠶᠢ ᠠᠬᠢᠭᠤᠯᠣᠨ᠎ᠠ᠃ ᠡᠯ᠎ᠡ ᠲᠦᠷᠦᠯ ᠤᠨ ᠰᠣᠶᠣᠯ ᠲᠠᠮᠢᠷ  ᠤᠨ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ ︽ᠲᠦᠷᠪᠡᠨ ᠲᠣᠮᠣ ᠨᠠᠶᠢᠷ ᠨᠠᠭᠠᠳᠣᠮ︾ ᠤᠨ ᠨᠡᠷᠡᠲᠦ ᠲᠡᠮᠳᠡᠭ ᠤᠨ ᠠᠵᠢᠯᠯᠠᠭ᠎ᠠ ᠳᠤ ᠲᠦᠰᠢᠭᠯᠡᠵᠦ᠂ ︽ᠣᠯᠠᠭᠠᠠᠮᠦ᠋ᠴᠢᠷ︾ ᠰᠣᠶᠣᠯ ᠤᠨ ᠨᠡᠷᠡᠲᠦ ᠲᠡᠮᠳᠡᠭ ᠢ ᠡᠭᠦᠳᠬᠦ ᠠᠵᠢᠯ ᠢ ᠰᠠᠶᠢᠳᠣᠷ ᠠᠳᠬᠤᠵᠣ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠪᠣᠯᠣᠨ ᠣᠯᠠᠨ ᠲᠦᠮᠡᠨᠴᠢ ᠴᠢᠨᠠᠷᠳᠠᠢ ᠰᠣᠶᠣᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠎ᠡ᠃ ᠰᠦᠨᠢᠳ ᠸᠠᠩ ᠤᠨ ᠣᠷᠳᠣᠨ ᠤ ᠮᠦᠽᠸᠢ ᠶᠢᠨ ᠦᠵᠡᠭᠦᠯᠦᠯᠭᠡ ᠶᠢ ᠵᠠᠰᠠᠬᠤ ᠶᠢᠨ ᠬᠠᠮᠳᠣ ᠪᠦᠬᠦ ᠲᠠᠯ᠎ᠠ ᠪᠠᠷ ᠨᠡᠭᠡᠭᠡᠨ᠎ᠡ᠃ ᠦᠨᠳᠦᠰᠦᠳᠡᠨ ᠤ ᠭᠠᠷ ᠣᠷᠠᠯᠠᠯ᠂ ᠬᠠᠴᠢᠨ ᠴᠢᠯᠠᠭᠤ ᠵᠡᠷᠭᠡ ᠣᠨᠴᠠᠯᠢᠭᠳᠣ ᠠᠵᠣ ᠠᠬᠤᠢ ᠶᠢ ᠲᠦᠷᠭᠡᠨ ᠬᠦᠭᠵᠢᠭᠦᠯᠦᠨ᠎ᠡ᠃       ᠭᠤᠷᠪᠠ ᠳᠤ ᠨᠡᠶᠢᠭᠡᠮ ᠤᠨ ᠡᠶ᠎ᠡ ᠵᠣᠬᠢᠴᠠᠯᠳᠣ ᠲᠣᠭᠳᠠᠭᠤᠨ ᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃ ᠨᠡᠶᠢᠭᠡᠮ ᠤᠨ ᠲᠣᠭᠳᠠᠭᠤᠨ ᠢ ᠴᠢᠩᠭ᠎ᠠ ᠠᠳᠬᠤᠵᠣ᠂ ᠡᠶ᠎ᠡ ᠵᠣᠬᠢᠴᠠᠯᠳᠣ ᠲᠣᠭᠳᠠᠭᠤᠨ ᠢ ᠬᠠᠮᠠᠭᠠᠯᠠᠬᠤ ᠡᠯ᠎ᠡ ᠲᠦᠷᠦᠯ  ᠤᠨ ᠠᠵᠢᠯ ᠢ ᠯᠠᠪᠳᠠᠭᠤᠨ ᠰᠠᠶᠢᠨ ᠬᠢᠨ᠎ᠡ᠃ ᠪᠠᠷᠠᠭᠤᠨ ᠰᠦᠨᠢᠳ ᠢᠶᠠᠨ ︽ᠠᠮᠣᠷ ᠲᠦᠪᠰᠢᠨ᠂ ᠬᠠᠣᠯᠢ ᠪᠠᠷ ᠵᠠᠰᠠᠬᠤ ︾ ᠪᠠᠶᠢᠭᠤᠯᠣᠯᠳᠠ ᠶᠢ ᠬᠦᠨᠵᠡᠭᠡᠢ ᠠᠬᠢᠭᠤᠯᠣᠨ᠎ᠠ᠃ ︽1328︾ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠡᠳᠦᠷ ᠪᠣᠯᠣᠨ ᠭᠠᠵᠠᠷ ᠤᠨ ᠳᠡᠰ ᠤᠨ ᠣᠳᠣᠷᠢᠳᠣᠯᠭ᠎ᠠ ᠵᠠᠬᠢᠳᠠᠯ ᠰᠣᠷᠪᠣᠯᠵᠢᠯᠠᠭ᠎ᠠ ᠬᠦᠯᠢᠶᠡᠬᠦ ᠡᠳᠦᠷ ᠤᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠪᠠᠶᠢᠴᠠᠭᠠᠨ ᠰᠢᠢᠳᠪᠦᠷᠢᠯᠡᠵᠦ᠂ ᠵᠠᠬᠢᠳᠠᠯ ᠰᠣᠷᠪᠣᠯᠵᠢᠯᠠᠭ᠎ᠠ ᠶᠢᠨ ᠳᠠᠷᠣᠭᠳᠠᠵᠣ ᠣᠳᠠᠭᠰᠠᠨ ᠬᠡᠷᠡᠭ ᠢ ᠪᠦᠬᠦ ᠬᠦᠴᠦ ᠪᠠᠷ ᠢᠶᠠᠨ ᠰᠢᠢᠳᠪᠦᠷᠢᠯᠡᠨ᠎ᠡ᠃ ᠨᠡᠶᠢᠭᠡᠮ ᠤᠨ ᠠᠮᠣᠷ ᠲᠦᠪᠰᠢᠨ ᠢ ᠶᠡᠷᠦᠩᠭᠡᠶᠢᠯᠡᠨ ᠵᠠᠰᠠᠬᠤ ᠠᠵᠢᠯ ᠢ ᠴᠢᠩᠭᠠᠳᠬᠠᠵᠣ᠂ ᠬᠦᠮᠦᠨ ᠴᠣᠭᠯᠠᠭᠤᠯᠣᠨ ᠵᠣᠭᠤᠰ ᠲᠠᠢ ᠮᠦᠷᠦᠶᠢᠴᠡᠬᠦ᠂ ᠬᠤᠣᠷ ᠲᠠᠳᠠᠨ ᠬᠤᠣᠷ ᠰᠠᠷᠢᠭᠠᠯᠠᠬᠤ᠂ ᠪᠣᠯᠢᠶᠡᠨ ᠳᠡᠭᠡᠷᠡᠮᠳᠡᠬᠦ᠂ ᠣᠳᠣᠬᠢᠴᠢᠯᠠᠭᠰᠠᠨ ᠴᠢᠮᠡᠭᠡ ᠬᠤᠯᠪᠣᠭᠠᠨ ᠤ ᠪᠠᠭᠠᠵᠢ ᠶᠢ ᠠᠰᠢᠭᠯᠠᠨ ᠮᠡᠭᠡᠯᠡᠬᠦ᠂ ᠬᠠᠣᠯᠢ ᠪᠣᠰᠣ ᠪᠠᠷ ᠪᠡᠯᠡ ᠬᠤᠷᠠᠮᠳᠣᠭᠤᠯᠬᠤ᠂ ᠬᠤᠯᠠᠭᠠᠶᠢᠯᠠᠬᠤ ᠵᠡᠷᠭᠡ ᠡᠯ᠎ᠡ ᠲᠦᠷᠦᠯ ᠤᠨ ᠬᠠᠣᠯᠢ ᠵᠦᠷᠢᠴᠡᠵᠦ ᠶᠠᠯ᠎ᠠ ᠬᠢᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠭᠦᠨ᠎ᠡ᠃ ︽ᠳᠣᠯᠤᠭ᠎ᠠ ᠲᠠᠪᠤ︾ ᠬᠠᠣᠯᠢ ᠲᠦᠭᠡᠮᠡᠯᠵᠢᠭᠦᠯᠬᠦ ᠠᠵᠢᠯ ᠢ ᠦᠷᠨᠢᠭᠦᠯᠵᠦ᠂ ᠬᠠᠣᠯᠢ ᠪᠠᠷ ᠵᠠᠰᠠᠭ ᠶᠠᠪᠣᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠬᠡᠪᠴᠢᠶ᠎ᠡ᠂ ᠡᠯ᠎ᠡ ᠳᠠᠪᠬᠤᠷᠭ᠎ᠠ᠂ ᠡᠯ᠎ᠡ ᠭᠤᠭᠴᠣᠭᠠᠨ ᠳᠤ ᠲᠣᠣᠱᠯᠠᠭᠤᠯᠵᠣ᠂ ᠬᠠᠣᠯᠢ ᠪᠠᠷ ᠵᠠᠰᠠᠬᠤ ᠰᠡᠳᠬᠢᠭᠦᠢ ᠪᠣᠯᠣᠨ ᠬᠡᠯᠪᠡᠷᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠠᠶᠣᠯᠭᠦᠢ ᠦᠢᠯᠡᠳᠪᠦᠷᠢᠯᠡᠯ ᠪᠣᠯᠣᠨ ᠢᠳᠡᠭᠡᠨ ᠪᠠ ᠡᠮ ᠤᠨ ᠵᠦᠢᠯ ᠤᠨ ᠠᠮᠣᠷ ᠲᠦᠪᠰᠢᠨ ᠤ ᠠᠵᠢᠯ ᠢ ᠰᠠᠶᠢᠳᠣᠷ ᠠᠳᠬᠤᠵᠣ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ᠭᠤᠣᠯᠳᠠᠯᠭ᠎ᠠ ᠲᠠᠢ ᠬᠦᠷᠢᠶᠡᠨ ᠬᠡᠪᠴᠢᠶᠡᠨ ᠤ ᠳᠠᠯᠳᠠ ᠭᠡᠮ ᠢ ᠪᠠᠶᠢᠴᠠᠭᠠᠬᠤ ᠪᠣᠯᠣᠨ ᠲᠣᠰᠬᠠᠢ ᠲᠦᠷᠦᠯ ᠢᠶᠠᠷ ᠵᠠᠰᠠᠨ ᠴᠡᠭᠴᠡᠯᠡᠬᠦ ᠶᠢ ᠴᠢᠩᠭᠠᠳᠬᠠᠵᠣ᠂ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃ ᠬᠠᠣᠯᠢ ᠴᠠᠭᠠᠵᠠ ᠶᠢᠨ ᠣᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠶᠡᠬᠡᠪᠡᠷ ᠦᠷᠨᠢᠭᠦᠯᠵᠦ᠂ ᠣᠯᠠᠨ ᠲᠦᠮᠡᠨ ᠤ ᠬᠠᠣᠯᠢ ᠴᠠᠭᠠᠵᠠ ᠶᠢᠨ ᠣᠬᠠᠮᠰᠠᠷ ᠢ ᠨᠢ ᠵᠢᠯᠣᠭᠤᠳᠣᠨ ᠳᠡᠭᠡᠭᠰᠢᠯᠡᠭᠦᠯᠵᠦ᠂ ᠴᠢᠬᠤᠯᠠᠳᠠᠢ ᠬᠠᠣᠯᠢ ᠴᠠᠭᠠᠵᠠ ᠶᠢᠨ ᠮᠡᠳᠡᠯᠭᠡ ᠶᠢ ᠡᠵᠡᠮᠰᠢᠵᠦ᠂ ᠬᠠᠣᠯᠢ ᠪᠠᠷ ᠡᠷᠭᠡ ᠪᠠᠨ ᠬᠡᠷᠡᠭᠯᠡᠬᠦ ᠪᠣᠯᠣᠨ ᠡᠭᠦᠷᠭᠡ  ᠪᠠᠨ ᠭᠦᠢᠴᠡᠳᠭᠡᠬᠦ ᠴᠢᠳᠠᠪᠣᠷᠢ ᠶᠢ ᠳᠡᠭᠡᠰᠢᠯᠡᠭᠦᠯᠦᠨ᠎ᠡ᠃ ᠣᠶᠣᠨ ᠤ ᠪᠣᠯᠪᠠᠰᠣᠨ ᠤ ᠪᠠᠶᠢᠭᠤᠯᠣᠯᠳᠠ ᠶᠢ ᠠᠬᠢᠭᠤᠯᠣᠨ᠎ᠠ ᠃ ᠨᠡᠶᠢᠭᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ᠂ ︽ᠳᠣᠮᠳᠠᠳᠣ ᠶᠢᠨ ᠬᠦᠰᠡᠯᠡᠩ︾ ᠪᠣᠯᠣᠨ ᠳᠣᠮᠳᠠᠳᠣ ᠶᠢᠨ ᠣᠯᠠᠮᠵᠢᠯᠠᠯᠳᠣ ᠡᠷᠬᠢᠮ ᠰᠣᠷᠳᠠᠯ ᠤᠨ ᠣᠬᠠᠭᠤᠯᠭ᠎ᠠ ᠬᠦᠮᠦᠵᠢᠯ ᠢ ᠬᠦᠨᠵᠡᠭᠡᠢ ᠦᠷᠨᠢᠭᠦᠯᠵᠦ᠂ ︽ᠬᠦᠳᠡᠭᠡ ᠶᠢᠨ ᠰᠣᠷᠳᠠᠯ ᠤᠨ ᠪᠣᠯᠪᠠᠰᠣᠨ ᠤ ᠲᠣᠮᠣ ᠠᠵᠢᠯᠯᠠᠭ᠎ᠠ︾᠂ ︽ᠪᠣᠯᠪᠠᠰᠣᠨ ᠢ ᠡᠷᠬᠢᠮᠯᠡᠨ᠂ ᠰᠢᠨ᠎ᠡ ᠰᠣᠷᠳᠠᠯ  ᠢ ᠪᠣᠢ ᠪᠣᠯᠭᠠᠬᠤ︾᠂ ᠭᠡᠷ ᠤᠨ ᠰᠠᠶᠢᠨ ᠰᠣᠷᠳᠠᠯ ᠬᠦᠮᠦᠵᠢᠯ ᠵᠡᠷᠭᠡ ᠠᠵᠢᠯᠯᠠᠭ᠎ᠠ ᠶᠢ ᠢᠳᠡᠪᠬᠢᠳᠠᠢ ᠠᠬᠢᠭᠤᠯᠵᠣ᠂ ᠳᠡᠷᠭᠡᠳᠡᠬᠢ ᠰᠠᠶᠢᠨ ᠬᠦᠮᠦᠨ᠂ ᠶᠣᠰᠣ ᠰᠣᠷᠳᠠᠬᠤᠨ ᠤ ᠵᠢᠱᠢᠶᠡᠴᠢ ᠶᠢ ᠱᠠᠩᠨᠠᠨ ᠬᠦᠬᠢᠭᠦᠯᠬᠦ ᠠᠵᠢᠯᠯᠠᠭ᠎ᠠ ᠶᠢ ᠦᠷᠨᠢᠭᠦᠯᠵᠦ᠂ ᠣᠯᠠᠨ ᠲᠦᠮᠡᠨ ᠳᠤ ᠠᠶᠠᠨᠳᠠᠭᠠᠨ ᠤ ᠬᠦᠮᠦᠵᠢᠯ ᠪᠣᠯᠣᠨ ᠨᠦᠯᠦᠭᠡ ᠶᠢ ᠬᠦᠷᠳᠡᠭᠡᠨ᠎ᠡ᠃ ᠨᠠᠮ ᠤᠨ ᠦᠨᠳᠦᠰᠦᠳᠡᠨ ᠱᠠᠰᠢᠨ ᠰᠣᠷᠳᠠᠬᠤᠨ ᠤ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠤ ᠬᠠᠷᠢᠯᠴᠠᠨ ᠲᠦᠰᠢᠭᠯᠡᠵᠦ᠂ ᠪᠦᠯᠬᠦᠮᠳᠡᠨ ᠲᠡᠮᠡᠴᠡᠬᠦ ᠶᠢ ᠨᠢ ᠵᠢᠯᠣᠭᠤᠳᠣᠨ᠎ᠠ᠃ ᠨᠠᠰᠣᠳᠠᠶᠢᠴᠣᠳ ᠤᠨ ᠦᠢᠯᠡᠰ ᠪᠣᠯᠣᠨ ᠠᠬᠠᠮᠠᠳ ᠺᠠᠳ᠋ᠷᠴᠣᠳ ᠤᠨ ᠠᠵᠢᠯ ᠢ ᠦᠷᠭᠦᠯᠵᠢᠯᠡᠨ ᠬᠠᠯᠠᠮᠵᠢᠯᠠᠵᠣ ᠳᠡᠮᠵᠢᠨ᠎ᠡ᠃ ᠠᠵᠢᠯᠳᠠᠨ ᠤᠨ ᠡᠪᠯᠡᠯ᠂ ᠡᠮᠡᠭᠳᠡᠶᠢᠴᠣᠳ ᠤᠨ ᠬᠤᠯᠪᠣᠭ᠎ᠠ᠂ ᠡᠪ ᠬᠠᠮᠳᠣ ᠵᠠᠯᠠᠭᠤᠴᠣᠳ  ᠤᠨ ᠡᠪᠯᠡᠯ ᠵᠡᠷᠭᠡ ᠠᠷᠠᠳ ᠤᠨ ᠪᠦᠯᠬᠦᠮ ᠤᠨ ᠬᠦᠭᠦᠷᠭᠡ ᠬᠤᠯᠪᠣᠭᠠᠰᠣ ᠶᠢᠨ ᠦᠢᠯᠡᠳᠦᠯ ᠢ ᠭᠦᠢᠴᠡᠳ ᠪᠠᠳᠠᠷᠠᠭᠤᠯᠵᠣ ᠂ ᠣᠯᠠᠨ ᠲᠦᠮᠡᠨ ᠤ ᠬᠦᠰᠡᠯ ᠢ ᠰᠠᠶᠢᠳᠣᠷ ᠲᠣᠰᠬᠠᠵᠣ᠂ ᠣᠯᠠᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠎ᠠ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠪᠠᠶᠢᠭᠤᠯᠣᠯᠳᠠ ᠶᠢ ᠢᠳᠡᠪᠬᠢᠳᠠᠢ ᠳᠡᠮᠵᠢᠵᠦ᠂ ᠣᠯᠣᠰ  ᠤᠨ ᠳᠡᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠳᠠᠷᠣᠶᠢᠬᠠᠨ ᠮᠡᠳᠡᠭᠦᠯᠵᠦ᠂ ᠬᠤᠶᠠᠷ ᠢ ᠬᠦᠷᠢᠶᠡᠯᠡᠬᠦ ᠶᠢ ᠬᠠᠮᠳᠣᠪᠡᠷ ᠪᠠᠶᠢᠭᠤᠯᠬᠤ ᠦᠷ᠎ᠡ ᠪᠦᠲᠦᠮᠵᠢ ᠶᠢ ᠪᠠᠳᠣᠳᠬᠠᠨ᠎ᠠ᠃ ︽ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠶᠣᠨ ᠤ ᠪᠣᠯᠪᠠᠰᠣᠨ ᠤ ᠪᠠᠶᠢᠭᠤᠯᠣᠯᠳᠠ ᠶᠢᠨ ᠲᠣᠷᠰᠢᠯᠭ᠎ᠠ ᠰᠣᠯᠢᠯᠴᠠᠬᠤ ᠦᠵᠡᠭᠦᠯᠦᠯᠭᠡ ᠶᠢᠨ ᠬᠤᠷᠠᠯ︾ ᠪᠣᠯᠣᠨ ︽ᠪᠦᠬᠦ ᠠᠶᠢᠮᠠᠭ ᠤᠨ ᠣᠶᠣᠨ ᠤ ᠪᠣᠯᠪᠠᠰᠣᠨ ᠤ  ᠪᠠᠶᠢᠭᠤᠯᠣᠯᠳᠠ ᠶᠢᠨ ᠲᠣᠷᠰᠢᠯᠭ᠎ᠠ ᠰᠣᠯᠢᠯᠴᠠᠬᠤ ᠬᠤᠷᠠᠯ︾ ᠢ ᠣᠶᠠᠯᠳᠣᠭᠤᠯᠵᠣ᠂ ᠣᠯᠣᠰ ᠤᠨ ᠠᠷᠢᠭᠤᠨ ᠴᠡᠪᠡᠷ ᠬᠤᠳᠠ ᠪᠠᠯᠭᠠᠰᠣ ᠪᠣᠯᠣᠨ ᠪᠦᠬᠦ ᠣᠷᠣᠨ ᠤ ᠪᠣᠯᠪᠠᠰᠣᠨ ᠬᠤᠰᠢᠭᠤ ᠰᠢᠶᠠᠨ ︽ᠬᠤᠶᠠᠷ ᠨᠡᠷᠡᠲᠦ ᠲᠡᠮᠳᠡᠭ︾ ᠢ ᠡᠭᠦᠳᠦᠨ ᠪᠠᠶᠢᠭᠤᠯᠬᠤ ᠠᠵᠢᠯ ᠤᠨ ᠬᠦᠴᠦᠯᠡᠴᠡ ᠶᠢ ᠴᠢᠩᠭᠠᠳᠬᠠᠵᠣ᠂ ᠴᠠᠭ ᠤᠨ ᠬᠢᠵᠠᠭᠠᠷ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠣ᠂ ᠰᠢᠯᠭᠠᠨ ᠪᠠᠶᠢᠴᠠᠭᠠᠯᠳᠠ ᠳ᠋ᠦᠩᠨᠡᠯᠳᠡ ᠶᠢ ᠠᠮᠵᠢᠯᠳᠠᠳᠠᠢ ᠲᠣᠭᠤᠯᠬᠤ ᠶᠢ ᠪᠠᠳᠣᠯᠠᠬᠤ ᠬᠡᠷᠡᠭᠳᠠᠢ᠃ ᠮᠠᠨ ᠤ ᠬᠤᠰᠢᠭᠤ ᠪᠠᠨ ᠰᠠᠭᠤᠷᠢᠰᠢᠨ ᠠᠮᠢᠳᠣᠷᠠᠬᠤ᠂ ᠦᠢᠯᠡᠰ ᠪᠣᠰᠬᠠᠬᠤ᠂ ᠵᠣᠭᠠᠴᠠᠬᠤ ᠳᠤ ᠲᠣᠬᠢᠷᠠᠮᠵᠢᠳᠠᠢ ᠪᠣᠯᠪᠠᠰᠣᠨ ᠬᠤᠳᠠ ᠪᠠᠯᠭᠠᠰᠣ ᠪᠣᠯᠭᠠᠨ ᠪᠠᠶᠢᠭᠤᠯᠣᠨ᠎ᠠ᠃     ︵ᠳᠣᠯᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠠᠴᠠ ᠭᠠᠷᠳᠠᠨ᠂ ᠵᠠᠰᠠᠭ ᠵᠠᠬᠢᠷᠭᠠᠨ  ᠤ ᠦᠢᠯᠡᠴᠢᠯᠡᠭᠡᠨ ᠤ ᠴᠢᠳᠠᠪᠬᠢ ᠶᠢ ᠴᠢᠷᠮᠠᠶᠢᠨ ᠳᠡᠭᠡᠭᠰᠢᠯᠡᠭᠦᠯᠦᠨ᠎ᠡ     ᠨᠢᠭᠡ ᠳᠤ ᠬᠠᠣᠯᠢ ᠪᠠᠷ ᠵᠠᠰᠠᠭ ᠶᠠᠪᠣᠭᠤᠯᠬᠤ ᠶᠢ ᠪᠠᠷᠢᠮᠳᠠᠯᠠᠨ᠎ᠠ᠃ ︽ᠬᠠᠣᠯᠢ ᠠᠴᠠ ᠡᠷᠭᠡ ᠣᠯᠭᠤᠭᠰᠠᠨ ᠦᠭᠡᠢ ᠵᠦᠢᠯ ᠢ ᠬᠢᠬᠦ ᠦᠭᠡᠢ᠂ ᠬᠠᠣᠯᠢ ᠳᠤ ᠲᠣᠭᠳᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠭᠡᠪᠰᠢ ᠭᠦᠢᠴᠡᠳᠭᠡᠬᠦ︾ ᠵᠠᠷᠴᠢᠮ ᠢᠶᠠᠷ᠂ ᠬᠠᠣᠯᠢ ᠴᠠᠭᠠᠵᠠ ᠶᠢᠨ ᠰᠡᠳᠬᠢᠬᠦᠢ᠂ ᠬᠠᠣᠯᠢ ᠴᠠᠭᠠᠵᠠ ᠶᠢᠨ ᠬᠡᠯᠪᠡᠷᠢ ᠪᠣᠯᠣᠨ ᠬᠠᠣᠯᠢ ᠴᠠᠭᠠᠵᠠ ᠶᠢᠨ ᠠᠷᠭ᠎ᠠ ᠪᠠᠷᠢᠯ ᠢᠶᠠᠷ ᠵᠠᠰᠠᠭ ᠤᠨ ᠣᠷᠳᠣᠨ ᠤ ᠠᠵᠢᠯ ᠢ ᠣᠬᠠᠮᠰᠠᠷ ᠠᠴᠠ ᠪᠠᠨ ᠭᠦᠢᠴᠡᠳᠭᠡᠵᠦ᠂ ᠦᠭᠡᠷᠡᠴᠢᠯᠡᠯᠳᠡ ᠬᠦᠭᠵᠢᠯᠳᠡ ᠶᠢ ᠠᠬᠢᠭᠤᠯᠵᠣ᠂ ᠨᠡᠶᠢᠭᠡᠮ ᠤᠨ ᠲᠣᠭᠳᠠᠭᠤᠨ ᠢ ᠬᠠᠮᠠᠭᠠᠯᠠᠬᠤ ᠬᠡᠷᠡᠭᠳᠠᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠣᠯᠢ ᠶᠢᠨ ᠬᠢᠨᠠᠯᠳᠠ᠂ ᠠᠵᠢᠯ ᠤᠨ ᠬᠢᠨᠠᠯᠳᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠣᠬᠠᠮᠰᠠᠷ ᠠᠴᠠ  ᠪᠠᠨ ᠬᠦᠯᠢᠶᠡᠨ ᠠᠪᠴᠣ᠂ ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠰᠠᠨᠠᠯ ᠳᠣᠷᠠᠳᠣᠯᠭ᠎ᠠ ᠶᠢ ᠨᠠᠷᠢᠨ ᠬᠢᠨᠠᠮᠠᠭᠠᠢ ᠭᠦᠢᠴᠡᠳᠭᠡᠵᠦ᠂ ᠣᠴᠢᠷ ᠪᠣᠯᠭᠠᠨ ᠢ ᠨᠠᠶᠢᠳᠠᠪᠣᠷᠢᠵᠢᠭᠤᠯᠣᠨ ᠬᠠᠷᠢᠭᠤᠯᠳᠠ ᠦᠭᠬᠦ ᠶᠢ ᠪᠡᠶᠡᠯᠡᠭᠦᠯᠬᠦ ᠬᠡᠷᠡᠭᠳᠠᠢ᠃     ᠬᠤᠶᠠᠷ ᠲᠤ ᠠᠷᠠᠳ ᠤᠨ ᠲᠦᠯᠦᠭᠡ ᠲᠦᠷᠦ ᠪᠠᠷᠢᠬᠤ ᠶᠢ ᠪᠠᠷᠢᠮᠳᠠᠯᠠᠨ᠎ᠠ᠃ ︽ᠭᠤᠷᠪᠠᠨ ᠴᠢᠩᠭ᠎ᠠ ᠭᠤᠷᠪᠠᠨ ᠪᠣᠳᠠᠳᠠᠢ ᠪᠠᠶᠢᠬᠤ︾ ᠲᠣᠰᠬᠠᠢ ᠰᠡᠳᠦᠪᠳᠦ ᠬᠦᠮᠦᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠳᠣᠳᠬᠠᠵᠣ᠂ ︽ᠬᠤᠶᠠᠷ ᠢ ᠰᠣᠷᠣᠯᠴᠠᠵᠣ ᠨᠢᠭᠡ ᠶᠢ ᠬᠢᠬᠦ︾ ᠰᠣᠷᠣᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠰᠠᠶᠢᠳᠣᠷ ᠦᠷᠨᠢᠭᠦᠯᠵᠦ᠂ ᠬᠠᠷᠠᠯᠳᠠ ᠵᠣᠷᠢᠯᠳᠠ ᠶᠢᠨ ᠣᠬᠠᠮᠰᠠᠷ᠂ ᠦᠢᠯᠡᠴᠢᠯᠡᠬᠦ ᠣᠬᠠᠮᠰᠠᠷ ᠢᠶᠠᠨ ᠴᠢᠩᠭᠠᠳᠬᠠᠵᠣ᠂ ᠣᠯᠠᠨ ᠲᠦᠮᠡᠨ ᠤ ᠠᠩᠬᠠᠷᠴᠣ ᠪᠠᠶᠢᠭ᠎ᠠ ᠬᠠᠯᠠᠮᠰᠢᠯ ᠠᠰᠠᠭᠤᠳᠠᠯ ᠬᠦᠴᠢᠷᠳᠡᠯᠳᠠᠢ ᠠᠰᠠᠭᠤᠳᠠᠯ ᠢ ᠨᠢ ᠦᠨᠡᠨᠬᠦ ᠰᠢᠢᠳᠪᠦᠷᠢᠯᠡᠨ᠎ᠡ᠃ ᠵᠠᠰᠠᠭ  ᠤᠨ ᠶᠠᠪᠣᠳᠠᠯ ᠢ ᠢᠯᠡ ᠪᠣᠯᠭᠠᠬᠤ ᠶᠢ ᠬᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠲᠣᠣᠷ ᠰᠦᠯᠵᠢᠶᠡᠨ ᠤ ᠪᠠᠶᠢᠭᠤᠯᠣᠯᠳᠠ ᠶᠢ ᠴᠢᠩᠭᠠᠳᠬᠠᠵᠣ᠂ ᠮᠠᠯᠴᠢᠨ ᠲᠠᠷᠢᠶᠠᠴᠢᠨ ᠳᠤ ᠬᠠᠷᠠᠭᠠᠯᠵᠠᠯ ᠬᠦᠷᠳᠡᠭᠡᠬᠦ ᠲᠦᠷᠦ ᠶᠢᠨ ᠪᠣᠳᠣᠯᠭ᠎ᠠ᠂ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠭᠦᠢᠴᠡᠳᠭᠡᠯ᠂ ᠨᠡᠶᠢᠭᠡᠮ ᠤᠨ ᠪᠠᠳᠣᠯᠠᠭ᠎ᠠ ᠵᠡᠷᠭᠡ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠳᠣᠷ ᠬᠢᠵᠦ᠂ ᠣᠯᠠᠨ ᠲᠦᠮᠡᠨ ᠤ ᠪᠠᠶᠢᠳᠠᠯ ᠣᠶᠢᠯᠠᠭᠠᠬᠤ ᠡᠷᠭᠡ ᠪᠣᠯᠣᠨ ᠬᠢᠨᠠᠯᠳᠠ ᠲᠠᠯᠪᠢᠬᠤ ᠡᠷᠭᠡ ᠶᠢ ᠪᠠᠳᠣᠯᠠᠨ᠎ᠠ᠃     ᠭᠤᠷᠪᠠ ᠳᠤ ᠴᠢᠳᠠᠪᠬᠢ ᠶᠢ ᠱᠠᠭᠠᠷᠳᠠᠨ ᠪᠠᠶᠢᠴᠠᠭᠠᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠤᠨ ᠴᠢᠳᠠᠪᠬᠢ ᠶᠢ ᠱᠠᠭᠠᠷᠳᠠᠨ ᠪᠠᠶᠢᠴᠠᠭᠠᠵᠣ ᠰᠢᠯᠭᠠᠨ ᠦᠨᠡᠯᠡᠬᠦ ᠠᠷᠭ᠎ᠠ  ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠴᠢᠳᠠᠪᠬᠢ ᠶᠢ ᠣᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠣᠷᠢᠭᠳᠠᠢ ᠬᠠᠷᠢᠭᠤᠴᠠᠬᠤ᠂ ᠰᠢᠷᠭᠠᠭᠤ ᠬᠠᠳᠠᠭᠤᠵᠢᠯᠳᠠᠢ ᠪᠠᠶᠢᠬᠤ ᠰᠣᠷᠳᠠᠯ ᠢ ᠪᠠᠳᠠᠷᠠᠭᠤᠯᠵᠣ᠂ ︽ᠲᠠᠷᠣᠢ ᠳᠤᠨᠢ ᠭᠦᠢᠴᠡᠳᠭᠡᠬᠦ︾ ᠠᠵᠢᠯ ᠤᠨ ᠰᠡᠳᠬᠢᠴᠡ ᠶᠢ ᠰᠣᠷᠳᠠᠯᠴᠢᠯᠠᠵᠣ᠂ ᠰᠣᠳᠣᠯᠣᠨ ᠲᠣᠭᠳᠠᠭᠠᠭᠰᠠᠨ ᠴᠢᠬᠤᠯᠠ ᠶᠡᠭᠡ ᠠᠵᠢᠯ᠂ ᠴᠢᠬᠤᠯᠠ ᠶᠡᠭᠡ ᠲᠦᠷᠦᠯ ᠵᠦᠢᠯ ᠢ ᠰᠠᠶᠢᠳᠣᠷ ᠨᠠᠶᠢᠳᠠᠪᠣᠷᠢᠵᠢᠭᠤᠯᠣᠨ᠂ ᠦᠷ᠎ᠡ ᠪᠦᠲᠦᠮᠵᠢ ᠭᠠᠷᠭᠠᠨ᠎ᠠ᠃     ᠳᠦᠷᠪᠡ ᠳᠤ ᠰᠣᠷᠳᠠᠯ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠪᠦᠬᠦ ᠬᠤᠰᠢᠭᠤᠨ ᠤ ᠰᠠᠬᠢᠯᠭ᠎ᠠ ᠪᠠᠳᠣ  ᠶᠢᠨ ᠰᠣᠷᠳᠠᠯ ᠤᠨ ᠪᠠᠶᠢᠭᠤᠯᠣᠯᠳᠠ ᠶᠢ ᠴᠡᠭᠴᠡᠯᠡᠬᠦ ᠣᠨ ᠤ ᠠᠵᠢᠯᠯᠠᠭ᠎ᠠ ᠲᠠᠢ ᠣᠶᠠᠯᠳᠣᠭᠤᠯᠣᠨ᠂ ᠣᠯᠣᠰ ᠲᠦᠷᠦ  ᠶᠢᠨ ᠣᠬᠠᠮᠰᠠᠷ᠂ ᠪᠦᠬᠦ ᠲᠠᠯ᠎ᠠ ᠶᠢᠨ ᠣᠬᠠᠮᠰᠠᠷ᠂ ᠭᠤᠣᠯᠯᠠᠭᠴᠢ ᠣᠬᠠᠮᠰᠠᠷ ᠢ ᠳᠡᠭᠡᠭᠰᠢᠯᠡᠭᠦᠯᠵᠦ᠂ ᠬᠠᠳᠠᠭᠤᠵᠢᠯᠳᠠᠢ ᠠᠵᠢᠯᠯᠠᠵᠣ ᠪᠣᠳᠠᠳᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠣ᠂ ᠪᠣᠳᠣᠯ ᠰᠠᠨᠠᠭ᠎ᠠ ᠪᠣᠯᠣᠨ ᠬᠦᠴᠦᠨ ᠴᠢᠳᠠᠯ  ᠢᠶᠠᠨ ᠦᠨᠡᠨᠬᠦ ᠠᠳᠬᠤᠨ ᠪᠣᠳᠠᠳᠠᠢ ᠬᠢᠬᠦ᠂ ᠬᠦᠭᠵᠢᠯᠳᠡ ᠶᠢ ᠠᠬᠢᠭᠤᠯᠬᠤ ᠳᠡᠭᠡᠷ᠎ᠡ ᠲᠠᠯᠪᠢᠨ᠎ᠠ᠃ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠭᠡᠮᠵᠢᠯᠡᠬᠦ ᠬᠦᠴᠦᠨ ᠢ ᠨᠡᠮᠡᠭᠳᠡᠭᠦᠯᠵᠦ᠂ ᠠᠵᠢᠯ ᠬᠢᠬᠦ ᠦᠭᠡᠢ᠂ ᠳᠣᠷ᠎ᠠ ᠪᠠᠷ ᠬᠢᠬᠦ᠂ ᠣᠳᠠᠭᠠᠰᠢᠷᠠᠭᠤᠯᠬᠤ᠂ ᠠᠯᠵᠠᠭᠤ ᠵᠠᠯᠬᠠᠭᠤ ᠠᠯᠠᠩ ᠰᠠᠯᠠᠩ ᠵᠡᠷᠭᠡ ᠦᠵᠡᠭᠳᠡᠯ ᠢ ᠴᠢᠩᠭ᠎ᠠ ᠴᠡᠭᠴᠡᠯᠡᠵᠦ᠂ ᠵᠠᠰᠠᠭ ᠤᠨ ᠵᠠᠷᠯᠢᠭ ᠢ ᠣᠷᠣᠭᠰᠢᠳᠠᠢ ᠬᠡᠷᠡᠭᠵᠢᠭᠦᠯᠬᠦ ᠶᠢ ᠪᠠᠳᠣᠯᠠᠵᠣ᠂ ᠵᠠᠰᠠᠭ ᠤᠨ ᠣᠷᠳᠣᠨ ᠤ ᠰᠦᠷ ᠬᠦᠴᠦᠨ ᠢ ᠳᠡᠭᠡᠭᠰᠢᠯᠡᠭᠦᠯᠦᠨ᠎ᠡ᠃     ᠲᠠᠪᠤ ᠳᠤ ᠴᠢᠭᠡᠴᠢ ᠵᠠᠰᠠᠭ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠲᠦᠪ ᠬᠤᠷᠢᠶᠠᠨ ᠤ ᠨᠠᠢᠮᠠᠨ ᠵᠣᠷᠪᠣᠰ ᠲᠣᠭᠳᠠᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠵᠣ᠂ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠢᠭᠤᠨ ᠴᠢᠭᠡᠴᠢ ᠪᠠᠷ ᠦᠪᠡᠷ ᠢ ᠪᠠᠨ ᠰᠠᠬᠢᠯᠭᠠᠵᠢᠭᠤᠯᠬᠤ ᠲᠦᠷᠢᠮ︾ ᠪᠣᠯᠣᠨ ︽ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠡᠨ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠢ ᠴᠢᠩᠭ᠎ᠠ ᠬᠡᠷᠡᠭᠵᠢᠭᠦᠯᠵᠦ᠂  ᠨᠠᠮ ᠤᠨ ︽ᠵᠢᠷᠭᠤᠭᠠᠨ ᠶᠡᠭᠡ ᠰᠠᠬᠢᠯᠭ᠎ᠠ︾ ᠶᠢ ᠴᠢᠩᠭ᠎ᠠ ᠰᠠᠬᠢᠵᠣ᠂ ︽ᠭᠤᠷᠪᠠᠨ ᠠᠯᠪᠠᠨ︾ ᠤ ᠵᠠᠷᠣᠳᠠᠯ ᠢ ᠴᠢᠩᠭ᠎ᠠ ᠬᠢᠵᠠᠭᠠᠷᠯᠠᠵᠣ᠂ ᠠᠯᠢᠪᠠ ᠴᠢᠬᠤᠯᠠ ᠦᠭᠡᠢ ᠵᠠᠰᠠᠭ ᠵᠠᠬᠢᠷᠭᠠᠨ ᠤ ᠵᠠᠷᠣᠳᠠᠯ ᠢ ᠪᠠᠭᠠᠰᠬᠠᠨ᠎ᠠ᠃ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠲᠦᠷᠢᠮ ᠪᠣᠯᠣᠨ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠢᠯᠵᠢᠷᠠᠯ ᠢ ᠵᠠᠯᠬᠠᠭᠠᠬᠤ ᠪᠣᠯᠣᠨ ᠣᠷᠢᠳᠴᠢᠯᠠᠨ ᠰᠡᠷᠭᠡᠶᠢᠯᠡᠬᠦ ᠲᠣᠭᠳᠠᠯᠴᠠᠭ᠎ᠠ ᠶᠢᠨ ᠪᠠᠶᠢᠭᠤᠯᠣᠯᠳᠠ ᠶᠢ ᠯᠠᠪᠳᠠᠭᠤᠨ ᠠᠬᠢᠭᠤᠯᠵᠣ᠂ ᠡᠷᠭᠡ ᠶᠢᠨ ᠬᠢᠵᠠᠭᠠᠷᠯᠠᠯ ᠪᠣᠯᠣᠨ ᠬᠢᠨᠠᠯᠳᠠ ᠲᠠᠯᠪᠢᠬᠤ ᠶᠢ ᠴᠢᠩᠭᠠᠳᠬᠠᠨ᠎ᠠ᠃ ᠡᠯ᠎ᠡ ᠲᠦᠷᠦᠯ ᠤᠨ ᠬᠠᠣᠯᠢ ᠰᠠᠬᠢᠯᠭ᠎ᠠ ᠶᠢ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠳᠭᠡᠵᠦ᠂ ᠲᠦᠪ ᠰᠣᠷᠳᠠᠯ ᠲᠠᠢ ᠰᠠᠶᠢᠨ ᠰᠠᠶᠢᠬᠠᠨ ᠵᠠᠰᠠᠭ ᠤᠨ ᠣᠷᠳᠣᠨ ᠤ ᠲᠦᠷᠢ ᠲᠦᠷᠬᠦ ᠶᠢ ᠪᠣᠢ ᠪᠣᠯᠭᠠᠨ᠎ᠠ᠃     ᠲᠦᠯᠦᠭᠡᠯᠡᠭᠴᠢᠳ ᠡ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠬᠦᠭᠵᠢᠯᠳᠡ ᠶᠢᠨ ᠢᠷᠠᠭᠤ ᠠᠯᠳᠠᠷᠳᠠᠢ ᠮᠦᠷᠳᠡᠭᠡᠨ ᠬᠦᠴᠢᠷ ᠪᠡᠷᠭᠡᠰᠢᠶᠡᠯ ᠲᠠᠢ ᠲᠡᠣᠭᠡᠨ ᠡᠭᠦᠷᠭᠡ ᠶᠢ ᠪᠢᠳᠠ ᠡᠭᠦᠷᠭᠡᠯᠡᠵᠦ ᠪᠠᠶᠢᠨ᠎ᠠ᠃ ᠪᠢᠳᠡ ᠰᠦᠨᠢᠳ ᠪᠠᠷᠠᠭᠤᠨ ᠬᠤᠰᠢᠭᠤᠨ ᠤ ᠣᠷᠣᠭᠰᠢᠯᠠᠯᠳᠠ ᠶᠢᠨ ᠵᠠᠮ ᠳᠠᠬᠢ ᠬᠦᠴᠢᠷ ᠪᠡᠷᠭᠡᠰᠢᠶᠡᠯ ᠢ ᠢᠯᠡᠨ ᠳᠠᠪᠠᠵᠣ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠬᠦᠭᠡᠭᠡᠴᠡᠯᠳᠦᠯ ᠢ ᠴᠢᠷᠮᠠᠶᠢᠨ ᠪᠡᠶᠡᠯᠡᠭᠦᠯᠵᠦ᠂ ᠰᠦᠨᠢᠳ ᠪᠠᠷᠠᠭᠤᠨ ᠬᠤᠰᠢᠭᠤᠨ ᠤ ᠰᠢᠨ᠎ᠡ ᠲᠡᠣᠭᠡᠨ ᠬᠠᠭᠤᠳᠠᠰᠣ ᠶᠢ ᠪᠢᠴᠢᠭᠯᠡᠬᠦ ᠶᠣᠰᠣᠳᠠᠢ᠃ ᠪᠢᠳᠡ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠪᠠᠶᠢᠩᠭᠤ  ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠪᠣᠯᠣᠨ ᠳᠡᠮᠵᠢᠯᠭᠡ ᠲᠣᠣᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠲᠠᠢ ᠬᠠᠮᠳᠣᠪᠡᠷ ᠪᠦᠯᠬᠦᠮᠳᠡᠨ ᠣᠷᠣᠭᠰᠢᠯᠠᠵᠣ᠂ ᠰᠢᠯᠢᠳᠡᠭ ᠦᠷ᠎ᠡ ᠪᠦᠲᠦᠮᠵᠢ ᠪᠠᠷ ᠢᠶᠠᠨ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢ ᠣᠭᠳᠣᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠵᠡᠭᠡᠶ᠎ᠡ︕ᠨᠡᠷᠡᠰ ᠤᠨ ᠲᠠᠶᠢᠯᠪᠣᠷᠢ᠄     1. ︽ᠲᠣᠣᠷ ᠰᠦᠯᠵᠢᠶ᠎ᠡ +︾᠄ ᠳᠠᠷᠣᠢ ︽ᠲᠣᠣᠷ ᠰᠦᠯᠵᠢᠶ᠎ᠡ + ᠡᠯ᠎ᠡ ᠣᠯᠠᠮᠵᠢᠯᠠᠯᠳᠣ ᠠᠵᠢᠯ ᠲᠦᠷᠦᠯ︾ ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠮᠡᠷᠭᠡᠵᠢᠯ ᠵᠢᠴᠢ ᠲᠣᠣᠷ ᠰᠦᠯᠵᠢᠶᠡᠨ ᠤ ᠲᠠᠪᠴᠠᠩ᠂ ᠲᠣᠣᠷ ᠰᠦᠯᠵᠢᠶ᠎ᠡ ᠪᠣᠯᠣᠨ ᠣᠯᠠᠮᠵᠢᠯᠠᠯᠳᠣ ᠠᠵᠢᠯ ᠲᠦᠷᠦᠯ ᠢ ᠬᠦᠨᠵᠡᠭᠡᠢ ᠠᠪᠴᠠᠯᠳᠣᠭᠤᠯᠵᠣ᠂ ᠰᠢᠨ᠎ᠡ ᠬᠦᠭᠵᠢᠯᠳᠡ ᠶᠢᠨ ᠬᠡᠯᠪᠡᠷᠢ ᠶᠢ ᠡᠭᠦᠳᠬᠦ ᠶᠢ ᠬᠡᠯᠡᠨ᠎ᠡ᠃     2. ︽ppp ᠬᠡᠯᠪᠡᠷᠢ︾᠄ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠠᠮᠳᠣᠷᠠᠯᠴᠠᠬᠤ ᠬᠡᠯᠪᠡᠷᠢ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠨᠢ ᠨᠡᠶᠢᠭᠡᠮ ᠤᠨ ᠬᠦᠷᠦᠩᠭᠡ ᠲᠠᠢ ᠬᠠᠮᠳᠣᠷᠠᠯᠴᠠᠬᠤ ᠬᠠᠷᠢᠴᠠᠭ᠎ᠠ ᠪᠠᠶᠢᠭᠤᠯᠵᠣ᠂ ᠣᠯᠠᠨ ᠨᠡᠶᠢᠳᠡ ᠶᠢᠨ ᠪᠦᠲᠦᠭᠡᠭᠳᠡᠭᠦᠨ ᠪᠣᠶᠣ ᠦᠢᠯᠡᠴᠢᠯᠡᠭᠡ ᠬᠠᠩᠭᠠᠬᠤ ᠨᠢᠭᠡ ᠵᠦᠢᠯ ᠤᠨ ᠠᠷᠭ᠎ᠠ ᠬᠡᠯᠪᠡᠷᠢ᠃     3. ︽ᠨᠢᠭᠡ ᠪᠦᠰᠡ ᠨᠢᠭᠡ ᠵᠠᠮ︾᠄ ︽ᠲᠣᠷᠭᠠᠨ ᠵᠠᠮ ᠤᠨ ᠠᠵᠣ ᠠᠬᠤᠢ ᠶᠢᠨ ᠪᠦᠰᠡ︾ ᠪᠣᠯᠣᠨ ︽21 ᠳ᠋ᠣᠭᠡᠷ ᠵᠠᠭᠤᠨ ᠤ ᠳᠠᠯᠠᠢ ᠳᠡᠭᠡᠷᠡᠬᠢ ᠲᠣᠷᠭᠠᠨ ᠵᠠᠮ︾᠃     4. ︽ᠵᠢᠷᠭᠤᠭᠠᠨ ᠨᠠᠷᠢᠯᠢᠭ ᠣᠨᠣᠪᠴᠢᠳᠠᠢ︾᠄ ᠳᠡᠳᠬᠦᠪᠦᠷᠢ ᠬᠦᠷᠳᠡᠭᠰᠡᠨ ᠡᠳᠡᠭᠡᠳ ᠨᠢ ᠣᠨᠣᠪᠴᠢᠳᠠᠢ᠂ ᠳᠡᠳᠭᠦᠭᠰᠡᠨ ᠠᠷᠭ᠎ᠠ ᠬᠡᠮᠵᠢᠶ᠎ᠡ ᠨᠢ ᠨᠠᠷᠢᠯᠢᠭ ᠮᠦᠷᠳᠡᠭᠡᠨ ᠣᠨᠣᠪᠴᠢᠳᠠᠢ᠂ ᠲᠦᠷᠦᠯ ᠵᠦᠢᠯ ᠤᠨ ᠲᠣᠬᠢᠷᠠᠭᠤᠯᠣᠯᠳᠠ ᠨᠢ ᠨᠠᠷᠢᠯᠢᠭ ᠮᠦᠷᠳᠡᠭᠡᠨ ᠣᠨᠣᠪᠴᠢᠳᠠᠢ᠂ ᠪᠡᠯᠡ ᠮᠦᠩᠭᠦ ᠶᠢᠨ ᠠᠰᠢᠭᠯᠠᠯᠳᠠ ᠨᠢ ᠨᠠᠷᠢᠯᠢᠭ ᠮᠦᠷᠳᠡᠭᠡᠨ ᠣᠨᠣᠪᠴᠢᠳᠠᠢ᠂ ᠭᠠᠴᠠᠭ᠎ᠠ ᠲᠣᠰᠬᠤᠨ ᠳᠤ ᠲᠣᠮᠢᠯᠠᠬᠤ ᠬᠦᠮᠦᠨ ᠨᠢ  ᠣᠨᠣᠪᠴᠢᠳᠠᠢ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠲᠦᠮᠵᠢ ᠨᠢ ᠨᠠᠷᠢᠯᠢᠭ ᠣᠨᠣᠪᠴᠢᠳᠠᠢ᠃     5. ︽ᠲᠠᠪᠣᠨ ᠨᠢᠭᠡ ᠪᠦᠯᠦᠭ︾ ᠦᠢᠯᠡᠳᠪᠦᠷᠢᠯᠡᠯ ᠢ ᠬᠦᠭᠵᠢᠭᠦᠯᠦᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠣᠨᠳᠣᠣ ᠭᠠᠵᠠᠷ ᠲᠤ ᠨᠡᠭᠦᠯᠭᠡᠵᠦ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠠᠮᠢ ᠠᠬᠤᠢ ᠶᠢᠨ ᠨᠦᠬᠦᠪᠦᠷᠢ ᠦᠭᠴᠦ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠰᠣᠷᠭᠠᠨ ᠬᠦᠮᠦᠵᠢᠯ ᠢ ᠬᠦᠭᠵᠢᠭᠦᠯᠦᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠵᠣ᠂ ᠨᠡᠶᠢᠭᠡᠮ ᠤᠨ ᠪᠠᠳᠣᠯᠠᠭ᠎ᠠ ᠪᠠᠷ ᠳᠠᠮᠵᠢᠨ ᠨᠢᠭᠡ ᠪᠦᠯᠦᠭ ᠢ ᠨᠢ ᠶᠠᠳᠠᠭᠤ ᠠᠴᠠ ᠠᠩᠭᠢᠵᠢᠷᠠᠭᠤᠯᠣᠨ᠎ᠠ᠃     6. ᠬᠠᠩᠭᠠᠯᠭ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ᠄ ᠪᠣᠳᠠᠰ ᠤᠨ ᠬᠠᠩᠭᠠᠯᠭ᠎ᠠ ᠶᠢᠨ ᠶᠠᠰᠣ ᠴᠢᠨᠠᠷ ᠤᠨ ᠳᠡᠭᠡᠭᠰᠢᠯᠡᠭᠦᠯᠦᠯᠳᠡ ᠠᠴᠠ ᠭᠠᠷᠳᠠᠨ᠂ ᠪᠦᠲᠦᠴᠡ ᠶᠢᠨ ᠲᠣᠬᠢᠷᠠᠭᠤᠯᠣᠯᠳᠠ ᠳᠤ ᠦᠭᠡᠷᠡᠴᠢᠯᠡᠯᠳᠡ ᠬᠢᠵᠦ᠂ ᠪᠦᠲᠦᠮᠵᠢᠳᠠᠢ ᠬᠠᠩᠭᠠᠯᠭ᠎ᠠ ᠶᠢ ᠦᠷᠭᠡᠳᠭᠡᠨ᠂ ᠬᠠᠩᠭᠠᠯᠭ᠎ᠠ ᠶᠢ ᠬᠡᠷᠡᠭᠯᠡᠭᠰᠡᠳ ᠤᠨ ᠬᠡᠷᠡᠭᠴᠡᠭᠡᠨ ᠤ ᠱᠠᠭᠠᠷᠳᠠᠯᠭ᠎ᠠ ᠳᠤ ᠲᠣᠬᠢᠷᠠᠭᠤᠯᠣᠨ᠂ ᠪᠦᠲᠦᠭᠡᠭᠳᠡᠭᠦᠨ ᠤ ᠰᠢᠨ᠎ᠡ ᠶᠢ ᠡᠭᠦᠳᠴᠦ᠂ ᠦᠷᠭᠡᠨ ᠣᠯᠠᠨ ᠲᠦᠮᠡᠨ ᠤ ᠬᠡᠷᠡᠭᠴᠡᠭᠡ ᠶᠢ ᠰᠠᠶᠢᠳᠣᠷ ᠬᠠᠩᠭᠠᠵᠣ᠂ ᠠᠵᠣ ᠠᠬᠤᠢ ᠨᠡᠶᠢᠭᠡᠮ ᠤᠨ ᠦᠷᠭᠦᠯᠵᠢᠯᠡᠯ ᠬᠦᠭᠵᠢᠯᠳᠡ ᠶᠢ ᠠᠬᠢᠭᠤᠯᠣᠨ᠎ᠠ᠃ ᠦᠨᠦ ᠵᠢᠯ ᠪᠣᠯ ᠬᠠᠩᠭᠠᠯᠭ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠰᠢᠪᠳᠣᠯᠣᠯᠳᠠ ᠶᠢᠨ ᠵᠢᠯ ᠪᠣᠯᠣᠨ᠎ᠠ᠃ ᠭᠤᠣᠯ ᠡᠭᠦᠷᠭᠡ ᠪᠣᠯ ᠬᠡᠲᠦ ᠦᠢᠯᠡᠳᠪᠦᠷᠢᠯᠡᠯ ᠢ ᠲᠡᠪᠴᠢᠨ᠂ ᠬᠡᠲᠦ ᠬᠦᠮᠦᠷᠭᠡᠯᠡᠬᠦ ᠶᠢ ᠪᠠᠭᠠᠰᠬᠠᠬᠤ᠂ ᠬᠦᠰᠢᠭᠦᠷᠬᠡ ᠶᠢ ᠲᠠᠶᠠᠭᠳᠠᠬᠤ᠂ ᠦᠪᠡᠷ ᠤᠨ ᠦᠷᠳᠡᠭ ᠢ ᠪᠠᠭᠠᠰᠬᠠᠬᠤ᠂ ᠲᠣᠳᠠᠭᠤᠳᠠᠯ ᠢ ᠨᠦᠬᠦᠪᠦᠷᠢᠯᠡᠬᠦ ᠶᠢ ᠰᠠᠶᠢᠳᠣᠷ ᠠᠳᠬᠤᠨ᠎ᠠ᠃     7. ︽ᠭᠤᠷᠪᠠᠨ ᠬᠠᠮᠳᠣ ᠳᠤᠨᠢ︾᠄ ᠮᠠᠨ ᠤ ᠣᠯᠣᠰ ᠤᠨ 2015 ᠣᠨ ᠤ 1 ᠰᠠᠷ᠎ᠠ ᠶᠢᠨ 1 ᠤ ᠡᠳᠦᠷ  ᠠᠴᠠ ᠡᠬᠢᠯᠡᠨ ᠬᠡᠷᠡᠭᠵᠢᠭᠦᠯᠦᠭᠰᠡᠨ ︽ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠠᠣᠯᠢ︾ ᠶᠢᠨ 41 ᠳ᠋ᠣᠭᠡᠷ ᠵᠣᠷᠪᠣᠰ ᠲᠣᠭᠳᠠᠭᠠᠯ ᠢ ᠦᠨᠳᠦᠰᠦᠯᠡᠪᠡᠯ᠂ ᠲᠦᠷᠦᠯ ᠵᠦᠢᠯ ᠢ ᠪᠦᠲᠦᠭᠡᠨ ᠪᠠᠶᠢᠭᠤᠯᠬᠤ ᠶᠠᠪᠣᠴᠠ ᠳᠤ ᠪᠣᠬᠢᠷᠳᠣᠯ ᠢ ᠰᠡᠷᠭᠡᠶᠢᠯᠡᠨ ᠵᠠᠰᠠᠬᠤ ᠲᠦᠬᠦᠭᠡᠷᠦᠮᠵᠢ ᠶᠢ ᠭᠤᠣᠯ ᠢᠨᠵᠧᠨᠧᠷᠢᠩ ᠲᠠᠢ  ᠴᠤᠭ ᠲᠦᠯᠦᠪᠯᠡᠵᠦ᠂ ᠵᠡᠷᠭᠡᠪᠡᠷ ᠪᠠᠷᠢᠯᠭ᠎ᠠ ᠡᠬᠢᠯᠡᠭᠦᠯᠵᠦ᠂ ᠬᠠᠮᠳᠣ ᠳᠤᠨᠢ ᠠᠰᠢᠭᠯᠠᠯᠳᠠ ᠳᠤ ᠣᠷᠣᠭᠤᠯᠪᠠᠯ ᠵᠣᠬᠢᠨ᠎ᠠ᠃     8. ︽ᠭᠤᠷᠪᠠ ᠶᠢ ᠭᠠᠴᠠᠭ᠎ᠠ ᠲᠣᠰᠬᠤᠨ ᠳᠤ ᠬᠦᠷᠭᠡᠵᠦ ᠭᠤᠷᠪᠠ ᠶᠢ ᠡᠷᠦᠬᠡ ᠳᠤ ᠬᠦᠷᠭᠡᠬᠦ︾᠄ ᠭᠠᠴᠠᠭ᠎ᠠ ᠲᠣᠰᠬᠤᠨ᠂ ᠡᠷᠦᠬᠡ ᠳᠤ ᠬᠦᠷᠳᠡᠯ᠎ᠡ ᠲᠦᠯᠦᠪᠯᠡᠬᠦ᠂ ᠲᠦᠷᠦᠯ ᠵᠦᠢᠯ ᠢ ᠭᠠᠴᠠᠭ᠎ᠠ ᠲᠣᠰᠬᠤᠨ᠂ ᠡᠷᠦᠬᠡ ᠳᠤ ᠬᠦᠷᠭᠡᠬᠦ ᠂ ᠺᠠᠳ᠋ᠷ ᠭᠠᠴᠠᠭ᠎ᠠ ᠲᠣᠰᠬᠤᠨ᠂ ᠡᠷᠦᠬᠡ ᠳᠤ ᠪᠠᠭᠤᠬᠤ᠃     9. ︽ᠭᠤᠷᠪᠠ ᠶᠢ ᠨᠡᠪᠳᠡᠷᠡᠭᠦᠯᠬᠦ ᠬᠤᠶᠠᠷ ᠲᠠᠪᠴᠠᠩ ᠢ ᠪᠠᠶᠢᠭᠤᠯᠬᠤ︾᠄ ︽ᠲᠣᠣᠷ ᠰᠦᠯᠵᠢᠶ᠎ᠡ ᠶᠢ ᠰᠣᠷᠭᠠᠭᠤᠯᠢ᠂ ᠠᠩᠭᠢ ᠪᠣᠯᠭᠠᠨ ᠳᠤ ᠨᠡᠪᠳᠡᠷᠡᠭᠦᠯᠬᠦ᠂ ᠰᠣᠷᠣᠭᠴᠢ ᠪᠦᠬᠦᠨ ᠲᠣᠣᠷ ᠰᠦᠯᠵᠢᠶ᠎ᠡ ᠶᠢ ᠠᠰᠢᠭᠯᠠᠨ ᠰᠣᠷᠣᠯᠴᠠᠬᠤ︾᠂ ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠪᠣᠯᠣᠨ ᠰᠣᠷᠭᠠᠨ ᠬᠦᠮᠦᠵᠢᠯ ᠤᠨ ᠬᠠᠮᠢᠶᠠᠷᠣᠯᠳᠠ ᠶᠢᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ᠃    10. ︽ᠬᠤᠶᠠᠷ ᠢ ᠰᠣᠷᠣᠯᠴᠠᠨ ᠨᠢᠭᠡ ᠪᠣᠯᠬᠤ︾ ᠰᠣᠷᠣᠯᠴᠠᠯᠭ᠎ᠠ ᠬᠦᠮᠦᠵᠢᠯ ᠤᠨ ᠠᠵᠢᠯᠯᠠᠭ᠎ᠠ᠄ ᠨᠠᠮ ᠤᠨ ᠲᠦᠷᠢᠮ ᠲᠣᠭᠳᠠᠭᠠᠯ᠂ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶ᠎ᠠ ᠨᠤᠭᠤᠳ ᠤᠨ ᠵᠣᠷᠢᠭ ᠰᠠᠨᠠᠭ᠎ᠠ  ᠶᠢ ᠰᠣᠷᠣᠯᠴᠠᠵᠣ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ᠃    11. ︽ᠵᠢᠷᠭᠤᠭᠠᠨ ᠶᠡᠭᠡ ᠰᠠᠬᠢᠯᠭ᠎ᠠ ᠪᠠᠳᠣ︾᠄ ᠣᠯᠣᠰ ᠲᠦᠷᠦ ᠶᠢᠨ ᠰᠠᠬᠢᠯᠭ᠎ᠠ ᠪᠠᠳᠣ᠂ ᠠᠷᠢᠭᠤᠨ ᠴᠢᠭᠡᠴᠢ  ᠶᠢᠨ ᠰᠠᠬᠢᠯᠭ᠎ᠠ ᠪᠠᠳᠣ᠂ ᠵᠣᠬᠢᠶᠠᠨ ᠪᠠᠶᠢᠭᠤᠯᠣᠯᠳᠠ ᠶᠢᠨ ᠰᠠᠬᠢᠯᠭ᠎ᠠ ᠪᠠᠳᠣ᠂ ᠣᠯᠠᠨ ᠲᠦᠮᠡᠨ ᠤ ᠰᠠᠬᠢᠯᠭ᠎ᠠ ᠪᠠᠳᠣ᠂ ᠠᠵᠢᠯ ᠤᠨ ᠰᠠᠬᠢᠯᠭ᠎ᠠ ᠪᠠᠳᠣ ᠵᠢᠴᠢ ᠠᠮᠢᠳᠣᠷᠠᠯ ᠤᠨ ᠰᠠᠬᠢᠯᠭ᠎ᠠ ᠪᠠᠳᠣ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号