2016 ᠤᠨ ᠤ 2 ᠳ᠋ᠤᠭᠡᠷ ᠰᠠᠷ᠎ᠠ ᠶᠢᠨ 23 ᠤ ᠡᠲᠤᠷ ᠰᠢᠯᠢ ᠶᠢᠨ ᠬᠤᠳᠠ ᠶᠢᠨ ᠠᠷᠪᠠᠨ ᠲᠥᠷᠪᠡᠲᠤᠬᠡᠷ | ᠬᠤᠭᠤᠴᠠᠭᠠᠨ ᠤ ᠠᠷᠠᠳ ᠤᠨ ᠲᠥᠯᠤᠬᠡᠯᠩᠴᠢᠳ ᠤᠨ ᠶᠡᠭᠡ ᠬᠤᠷᠠᠯ ᠤᠨ ᠲᠦᠷᠪᠡᠳᠦᠭᠡᠷ ᠤᠲᠠᠭᠠᠨ ᠤ ᠬᠤᠷᠠᠯᠲᠤᠭᠠᠨ | ᠲᠡᠬᠡᠷ᠎ᠡ | ᠬᠤᠳᠠ ᠶᠢᠨ ᠲᠠᠷᠤᠭ᠎ᠠ ᠵᠠᠩ ᠶᠢᠨ ᠮᠢᠩ | ᠲᠥᠯᠤᠬᠡᠯᠩᠴᠢᠳ ᠡ᠄ | ᠤᠲᠤ ᠪᠢ ᠬᠤᠳᠠ ᠶᠢᠨ ᠠᠷᠠᠳ ᠤᠨ ᠵᠠᠰᠠᠭ ᠤᠨ ᠤᠷᠲᠤᠨ ᠢ ᠲᠥᠯᠤᠬᠡᠯᠡᠵᠤ ᠶᠡᠭᠡ ᠬᠤᠷᠠᠯ ᠳᠤ ᠠᠵᠢᠯ ᠤᠨ | ᠮᠡᠲᠡᠬᠦᠯᠤᠯᠳᠠ ᠬᠢᠶ᠎ᠠ᠃ ︽ᠰᠢᠯᠢ ᠶᠢᠨ ᠬᠤᠲᠠ ᠶᠢᠨ ᠣᠯᠣᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠭᠦᠯᠦᠯᠲᠡ ᠶᠢᠨ ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠭᠦᠯᠦᠯᠭᠡ ᠶᠢᠨ ᠬᠦᠲᠦᠯᠪᠦᠷᠢ ︵ᠡᠬᠡ | ᠨᠣᠣᠷᠠᠭ︶︾ ᠲᠠᠢ ᠬᠠᠮᠲᠦ ᠳᠤ ᠨᠢ ᠬᠢᠨᠠᠨ ᠵᠥᠪᠯᠡᠬᠦ ᠪᠤᠯᠪᠠᠤ᠃ ᠤᠯᠤᠰ ᠲᠥᠷᠤ ᠶᠢᠨ ᠵᠥᠪᠯᠡᠯᠬᠡᠨ ᠤ ᠭᠡᠰᠢᠭᠦᠳ | ᠬᠢᠬᠡᠳ ᠬᠤᠷᠠᠯ ᠳᠤ ᠰᠤᠯᠨ ᠤᠷᠤᠯᠴᠠᠬᠰᠡᠨ ᠨᠥᠬᠦᠳ ᠰᠠᠨᠠᠯ ᠢᠶᠠᠨ ᠲᠤᠷᠠᠳᠬᠤ ᠪᠤᠯᠪᠠᠤ᠃ | ᠨᠢᠬᠡ᠂ ︽ᠠᠷᠪᠠᠨ ᠬᠤᠶᠠᠳᠣᠭᠠᠷ ᠲᠠᠪᠣᠨ ᠵᠢᠯ︾ ᠤᠨ ᠬᠤᠭᠤᠴᠠᠭ᠎ᠠ ᠪᠠ 2015 ᠤᠨ ᠤ ᠠᠵᠢᠯ ᠤᠨ | ᠡᠷᠬᠢᠴᠡᠬᠦᠯᠤᠯ | ︽ᠠᠷᠪᠠᠨ ᠬᠤᠶᠠᠳᠣᠭᠠᠷ ᠲᠠᠪᠣᠨ ᠵᠢᠯ︾ ᠪᠣᠯ ᠮᠠᠨ ᠤ ᠬᠤᠳᠠ ᠶᠢᠨ ᠬᠦᠭᠵᠢᠯᠳᠠ ᠶᠢᠨ ᠶᠠᠪᠣᠴᠠ ᠲᠣᠮᠳᠠᠬᠢ | ᠶᠡᠷᠣ ᠪᠣᠰᠣ ᠶᠢᠨ ᠲᠠᠪᠣᠨ ᠵᠢᠯ ᠪᠣᠯᠣᠨ᠎ᠠ᠃ ᠲᠠᠪᠣᠨ ᠵᠢᠯ ᠤᠨ ᠲᠤᠷᠰᠢ᠂ ᠠᠵᠣ ᠠᠬᠤᠢ ᠨᠢ ᠪᠠᠭᠤᠷᠠᠯᠲᠠ ᠶᠢᠨ | ᠲᠠᠷᠣᠯᠲᠠ ᠪᠠ ᠡᠯ᠎ᠡ ᠵᠦᠢᠯ ᠤᠨ ᠪᠣᠳᠣᠯᠢᠶᠠᠨᠳᠠᠢ ᠨᠦᠭᠦᠴᠡᠯ ᠰᠢᠯᠲᠠᠭᠠᠨ ᠤ ᠡᠮᠦᠨ᠎ᠡ᠂ ᠪᠦᠬᠦ ᠬᠤᠳᠠ ᠶᠢᠨ ᠡᠯ᠎ᠡ | ᠦᠨᠳᠣᠰᠣᠳᠠᠨ ᠤ ᠺᠠᠳ᠋ᠷ ᠣᠯᠠᠨ ᠲᠦᠮᠡᠨ ᠢ ᠲᠠᠶᠢᠴᠢᠯᠠᠵᠣ᠂ ᠬᠦᠴᠣ ᠪᠠᠨ ᠬᠠᠮᠳᠣᠳᠬᠠᠨ᠂ ᠡᠷᠡᠯᠬᠡᠭᠯᠡᠨ ᠲᠠᠪᠰᠢᠵᠦ | ᠰᠢᠨ᠎ᠡ ᠶᠢ ᠡᠭᠦᠳᠦᠨ᠂ ᠶᠡᠭᠡ ᠦᠢᠯᠡᠰ ᠢ ᠰᠡᠳᠦᠵᠦ᠂ ᠬᠦᠴᠢᠷᠳᠡᠯ ᠢ ᠰᠢᠢᠳᠪᠦᠷᠢᠯᠡᠵᠣ᠂ ᠪᠣᠳᠠᠳᠣ ᠣᠴᠢᠷ ᠬᠢᠵᠣ᠂ | ᠠᠵᠣ ᠠᠬᠤᠢ ᠨᠡᠶᠢᠭᠡᠮ ᠤᠨ ᠬᠦᠭᠵᠢᠯᠳᠠ ᠪᠠ ᠡᠯ᠎ᠡ ᠲᠦᠷᠦᠯ ᠤᠨ ᠠᠵᠢᠯ ᠦᠢᠯᠡᠰ ᠡᠯᠪᠡᠭ ᠪᠠᠶᠠᠯᠢᠭ ᠠᠮᠵᠢᠯᠲᠠ | ᠣᠯᠵᠦ᠂ ᠮᠠᠨ ᠤ ᠬᠤᠳᠠ ᠶᠢᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠳᠣ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ | ︵ᠨᠢᠭᠡ︶ ᠠᠵᠣ ᠠᠬᠤᠢ ᠶᠢ ᠦᠷᠭᠦᠯᠵᠢᠯᠡᠨ ᠡᠷᠡᠭᠦᠯ ᠢᠶᠠᠷ ᠬᠦᠭᠵᠢᠭᠦᠯᠵᠦ᠂ ᠶᠡᠷᠦᠩᠭᠡᠶᠢᠯᠡᠭᠰᠡᠨ ᠪᠣᠳᠠᠳᠣ | ᠬᠦᠴᠣᠨ ᠢ ᠶᠡᠭᠡᠪᠡᠷ ᠲᠡᠭᠡᠭᠰᠢᠯᠡᠭᠦᠯᠪᠡ᠃ ᠠᠵᠤ ᠠᠬᠤᠢ ᠶᠢᠨ ᠪᠠᠭᠤᠷᠠᠯᠲᠠ ᠶᠢᠨ ᠬᠠᠨᠲᠦᠰᠢ ᠶᠢᠨ ᠠᠰᠢᠭ ᠦᠭᠡᠢ | ᠨᠦᠯᠦᠭᠡᠨ ᠳᠤ ᠬᠠᠨᠲᠣᠭᠤᠯᠵᠦ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ | ᠤᠨ ᠠᠷᠭ᠎ᠠ ᠪᠠᠷᠢᠯ ᠢᠶᠠᠨ ᠰᠢᠨᠡᠳᠭᠡᠨ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠦᠳᠦᠮᠵᠢ ᠤᠯᠬᠤ ᠶᠢ | ᠠᠬᠢᠭᠤᠯᠪᠠ᠃ 2015 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ 210.2 | ᠳ᠋ᠦᠩᠰᠢᠭᠤᠷ ᠲᠦᠬᠦᠷᠢᠭ ᠢ ᠪᠡᠶᠡᠯᠡᠬᠦᠯᠵᠣ᠂ ᠵᠢᠯ ᠪᠦᠷᠢ ᠲᠣᠮᠳᠠᠴᠢ ᠪᠠᠷ10.1% ᠪᠠᠷ ᠨᠡᠮᠡᠭᠳᠡᠨ᠂ ᠬᠦᠮᠣᠨ ᠪᠦᠷᠢ | ᠳᠤ ᠲᠡᠭᠰᠢᠳᠭᠡᠭᠰᠡᠨ ᠦᠢᠯᠡᠳᠪᠦᠷᠢᠯᠡᠯ ᠤᠨ ᠶᠡᠷᠦᠩᠭᠡᠢ ᠦᠷᠳᠡᠭ 1.3 ᠳᠦᠮᠡᠨ ᠳ᠋ᠣᠯᠯᠠᠷ ᠲᠤ ᠬᠦᠷᠴᠡᠢ᠃ ᠣᠯᠠᠨ | ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 26.5 ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ | 2010 ᠣᠨ ᠤ ᠬᠢ ᠠᠴᠠ 2.4 ᠲᠡᠬᠢᠨ ᠪᠠᠶᠢᠵᠣ᠂ ᠵᠢᠯ ᠪᠦᠷᠢ ᠲᠡᠭᠰᠢᠳᠭᠡᠭᠡᠳ 19.6% ᠪᠠᠷ ᠨᠡᠮᠡᠭᠳᠡᠪᠡ᠃ | ︵ᠬᠤᠶᠠᠷ︶ ᠠᠵᠤ ᠠᠬᠤᠢ ᠶᠢᠨ ᠪᠦᠳᠦᠴᠡ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠭᠡᠯᠪᠡᠷᠢ ᠶᠢ | ᠬᠤᠪᠢᠷᠠᠭᠤᠯᠵᠤ ᠳᠡᠰ ᠳᠡᠪᠰᠢᠭᠦᠯᠭᠦ ᠦᠷ᠎ᠡ ᠪᠦᠳᠦᠮᠵᠢ ᠮᠡᠳᠡᠭᠳᠡᠮ᠎ᠡ᠃ ᠭᠤᠷᠪᠠᠨ ᠠᠵᠣ ᠦᠢᠯᠡᠰ ᠤᠨ ᠪᠦᠳᠦᠴᠠ ᠨᠢ | 2010 ᠣᠨ ᠳᠤ 4.7᠄ 66.1᠄ 29.2 ᠪᠠᠶᠢᠭᠰᠠᠨ ᠠᠴᠠ 7.6᠄ 50.2᠄ 42.2 ᠪᠣᠯᠣᠨ ᠬᠤᠪᠢᠷᠠᠵᠣ᠂ | ᠤᠯᠠᠨ ᠡᠰᠢᠳᠦ ᠬᠦᠭᠵᠢᠯᠲᠡ ᠪᠣᠯᠣᠨ ᠤᠯᠠᠨ ᠲᠣᠶᠢᠯᠳᠣ ᠠᠵᠤ ᠦᠢᠯᠡᠰ ᠤᠨ ᠪᠦᠳᠦᠴᠡ ᠶᠢᠨ ᠭᠡᠯᠪᠡᠷᠢ ᠮᠠᠶ᠋ᠢᠭ | ᠠᠩᠬ᠎ᠠ ᠠᠯᠬᠤᠮ ᠪᠦᠷᠢᠯᠳᠦᠪᠡ᠃ ᠮᠠᠯ ᠠᠵᠤ ᠠᠬᠤᠢ ᠶᠢᠨ ᠰᠠᠭᠤᠷᠢ ᠤᠯᠠᠮ ᠨᠢᠭᠡ ᠠᠯᠬᠤᠮ ᠪᠠᠳᠤᠵᠢᠭᠰᠠᠨ ᠪᠠᠶᠢᠨ᠎ᠠ᠃ | ᠲᠠᠪᠣᠨ ᠵᠢᠯ ᠳᠤ ᠲᠠᠷᠢᠶᠠᠯᠠᠩ ᠮᠠᠯ ᠠᠵᠦ ᠠᠬᠤᠢ ᠳᠤ ᠨᠡᠶᠢᠲᠡ51.3 ᠳ᠋ᠦᠩᠰᠢᠭᠤᠷ ᠲᠦᠭᠦᠷᠢᠭ ᠤᠨ ᠪᠡᠯᠡ | ᠣᠷᠣᠭᠤᠯᠵᠦ᠂ 44 ᠰᠠᠭᠤᠷᠢ ᠬᠡᠪᠴᠢᠶᠡᠵᠢᠭᠰᠡᠨ ᠲᠡᠵᠢᠭᠡᠨ ᠠᠷᠠᠴᠢᠯᠠᠬᠤ ᠲᠠᠯᠠᠪᠠᠢ ᠪᠦᠳᠦᠭᠡᠨ ᠪᠠᠶᠢᠭᠤᠯᠵᠣ᠂ ᠠᠵᠣ | ᠦᠢᠯᠡᠰᠴᠢᠯᠡᠭᠰᠡᠨ ᠲᠣᠯᠣᠭᠠᠶᠢᠯᠠᠭᠴᠢ ᠠᠵᠣ ᠠᠬᠤᠶᠢᠯᠠᠯ 31᠂ ᠮᠠᠯᠴᠢᠳ ᠤᠨ ᠬᠤᠷᠰᠢᠶᠡᠵᠢᠯ 240 ᠡᠷᠦᠬᠡ ᠶᠢ | ᠲᠣᠰ ᠲᠤᠰ ᠬᠦᠮᠦᠵᠢᠭᠦᠯᠵᠦ ᠬᠦᠭᠵᠢᠭᠡᠪᠡ᠃ ᠵᠢᠯ ᠲᠣᠮᠳᠠᠴᠢ ᠶᠢᠨ ᠡᠳ᠋ᠰᠢᠬᠦᠯᠦᠭᠰᠠᠨ ᠠᠮᠢᠳᠣ ᠮᠠᠯ 270 ᠲᠦᠮᠡᠨ | ᠬᠤᠨᠢᠴᠢᠯᠠᠭᠰᠠᠨ ᠨᠢᠭᠡᠴᠢ ᠳᠤ ᠬᠦᠷᠪᠡ᠂ ᠬᠤᠨᠢᠨ ᠮᠢᠬᠠᠨ ᠤ ᠪᠦᠬᠦ ᠠᠵᠣ ᠦᠢᠯᠡᠰ ᠤᠨ ᠬᠡᠯᠬᠢᠶᠠᠨ ᠤ ᠮᠦᠷᠳᠡᠨ | ᠲᠠᠭᠠᠬᠤ ᠰᠢᠰᠲ᠋ᠧᠮ 25 ᠲᠦᠮᠡᠨ ᠲᠣᠯᠣᠭᠠᠢ ᠳᠤ ᠬᠦᠷᠴᠡᠢ᠃ ᠠᠵᠤ ᠦᠢᠯᠡᠳᠪᠦᠷᠢ ᠶᠢᠨ ᠪᠦᠳᠦᠴᠡ ᠦᠷᠭᠦᠯᠵᠢᠯᠡᠨ | ᠰᠢᠯᠢᠳᠡᠭᠵᠢᠭᠰᠡᠨ ᠪᠠᠶᠢᠨ᠎ᠠ᠃ ᠨᠡᠶᠢᠲᠡ 36 ᠲᠦᠷᠦᠯ ᠤᠨ ᠠᠵᠣ ᠦᠢᠯᠡᠳᠪᠦᠷᠢ ᠶᠢᠨ ᠭᠤᠣᠯᠳᠠᠯᠭᠠᠳᠣ ᠲᠦᠷᠦᠯ | ᠵᠦᠢᠯ ᠢ ᠬᠡᠷᠡᠭᠵᠢᠭᠦᠯᠦᠨ᠂ ᠦᠢᠯᠡᠳᠪᠦᠷᠢᠯᠡᠯ ᠤᠨ ᠦᠷᠳᠡᠭ ᠳ᠋ᠦᠩᠰᠢᠭᠤᠷ ᠲᠦᠬᠦᠷᠢᠭ ᠠᠴᠠ ᠲᠠᠪᠠᠭᠰᠠᠨ ᠠᠵᠣ | ᠠᠬᠤᠶᠢᠯᠠᠯ 33 ᠡᠷᠦᠭᠡ ᠳᠤ ᠬᠦᠷᠴᠣ᠂ 10 ᠡᠷᠦᠭᠡ ᠨᠡᠮᠡᠭᠳᠡᠭᠰᠠᠨ ᠪᠠᠶᠢᠨ᠎ᠠ᠂ ᠠᠵᠣ ᠦᠢᠯᠡᠳᠪᠦᠷᠢ ᠶᠢᠨ ᠨᠡᠮᠡᠭᠳᠡᠯ | ᠦᠷᠳᠡᠭ 89.6 ᠳ᠋ᠦᠩᠰᠢᠭᠤᠷ ᠲᠦᠬᠦᠷᠢᠭ ᠲᠤ ᠬᠦᠷᠴᠦ᠂ ᠵᠢᠯ ᠪᠦᠷᠢ ᠲᠣᠮᠳᠠᠴᠢ ᠪᠠᠷ 11.4% ᠪᠠᠷ ᠨᠡᠮᠡᠭᠲᠡᠵᠠᠢ᠃ | ᠨᠡᠬᠦᠷᠡᠰᠣ᠂ ᠴᠠᠬᠢᠯᠭᠠᠨ᠂ ᠲᠣᠰᠣ᠂ ᠣᠯᠠᠭᠠᠨ ᠢᠳᠡᠭᠡᠨ ᠵᠡᠷᠭᠡ ᠲᠠᠪᠠᠭᠤᠯᠢᠭ ᠣᠨᠴᠠᠯᠢᠭ ᠪᠦᠬᠦᠢ ᠠᠵᠣ ᠦᠢᠯᠡᠰ ᠤᠨ | ᠬᠦᠭᠵᠢᠯᠳᠠ ᠶᠢ ᠪᠠᠬᠢᠵᠢᠭᠦᠯᠵᠦ᠂ ᠲᠣᠨᠤᠭ ᠲᠦᠬᠦᠭᠡᠷᠣᠮᠵᠢ ᠦᠢᠯᠡᠳᠬᠦ᠂ ᠲᠡᠭᠡᠳᠣ ᠰᠢᠨ᠎ᠡ ᠮᠡᠷᠭᠡᠵᠢᠯ᠂ ᠰᠢᠨ᠎ᠠ | ᠡᠨᠧᠷᠬᠢ ᠵᠡᠷᠭᠡ ᠡᠬᠢ ᠰᠣᠷᠪᠣᠯᠵᠢ ᠶᠢᠨ ᠪᠣᠰᠣ ᠠᠵᠣ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠳᠠᠢ ᠰᠢᠨ᠎ᠡ | ᠪᠠᠷ ᠮᠡᠨᠳᠣᠭᠰᠠᠨ ᠠᠵᠣ ᠦᠢᠯᠡᠰ ᠬᠦᠭᠵᠢᠨ ᠪᠣᠵᠠᠭᠠᠶᠢᠷᠠᠭᠰᠠᠨ ᠪᠠᠶᠢᠨ᠎ᠠ᠃ ᠨᠡᠶᠢᠳᠠ 4.6 ᠳ᠋ᠦᠩᠰᠢᠭᠤᠷ ᠢ | ᠲᠦᠬᠦᠷᠢᠭ ᠵᠠᠷᠣᠴᠠᠭᠤᠯᠵᠣ ᠬᠦᠷᠢᠶᠠᠯᠡᠩ ᠲᠣᠭᠤᠷᠢᠭ ᠤᠨ ᠰᠠᠭᠤᠷᠢ ᠲᠦᠬᠦᠭᠡᠷᠣᠮᠵᠢ ᠶᠢ ᠢᠵᠢ ᠪᠦᠷᠢᠳᠣᠬᠦᠯᠣᠨ | ᠳᠡᠭᠦᠯᠳᠡᠷᠵᠢᠭᠦᠯᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠬᠦᠭᠵᠢᠨ ᠪᠠᠳᠠᠷᠠᠵᠣ ᠠᠮᠢᠵᠢᠷᠠᠯ ᠤᠨ ᠬᠦᠴᠣᠨ | ᠢᠶᠠᠷ ᠪᠢᠯᠬᠠᠮ᠎ᠠ ᠪᠣᠯᠵᠠᠢ᠃ 2015 ᠤᠨ ᠳᠤ ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ | ᠪᠣᠷᠣᠯᠠᠭᠤᠯᠣᠭᠰᠠᠨ ᠶᠡᠷᠦᠩᠭᠡᠢ ᠦᠷᠳᠡᠭ 57.2 ᠳ᠋ᠦᠩᠰᠢᠭᠤᠷ ᠲᠦᠬᠦᠷᠢᠭ ᠢ ᠪᠡᠶᠡᠯᠡᠬᠦᠯᠵᠣ᠂ ᠵᠢᠯ ᠪᠦᠷᠢ ᠳᠤ | ᠲᠣᠮᠳᠠᠴᠢ ᠪᠠᠷ 13.6% ᠪᠠᠷ ᠨᠡᠮᠡᠭᠳᠡᠪᠡ᠃ ᠲᠠᠯ᠎ᠠ ᠨᠣᠳᠤᠭ ᠤᠨ ᠵᠢᠭᠤᠯᠴᠢᠯᠠᠯ ᠤᠨ ᠦᠢᠯᠡᠰ ᠦᠷᠬᠦᠯᠵᠢᠯᠡᠨ | ᠭᠦᠭᠵᠢᠵᠦ᠂ ︽ᠠᠷᠪᠠᠨ ᠬᠤᠶᠠᠳᠣᠭᠠᠷ ᠲᠠᠪᠣᠨ ᠵᠢᠯ︾ ᠤᠨ ᠬᠤᠭᠤᠴᠠᠭᠠᠨ ᠳᠤ ᠵᠢᠭᠤᠯᠴᠢᠯᠠᠯ ᠤᠨ ᠣᠷᠣᠯᠭ᠎ᠠ 190 | ᠳ᠋ᠦᠩᠰᠢᠭᠤᠷ ᠲᠦᠬᠦᠷᠢᠭ ᠲᠤ ᠬᠥᠷᠴᠠᠢ᠃ ᠡᠯᠧᠺᠲᠷᠤᠨ ᠠᠷᠠᠯᠵᠢᠶ᠎ᠠ᠂ ᠪᠣᠳᠠᠰ ᠤᠨ ᠬᠦᠢᠯᠭᠡᠭᠡᠨ ᠤ ᠲᠦᠷᠭᠡᠨ | ᠭᠤᠪᠢᠭᠤᠯᠬᠤ ᠵᠡᠷᠭᠡ ᠰᠢᠨ᠎ᠠ ᠪᠠᠷ ᠮᠠᠨᠳᠣᠭᠰᠠᠨ ᠠᠵᠣ ᠦᠢᠯᠡᠰ ᠤᠨ ᠬᠦᠭᠵᠢᠯᠳᠠ ᠲᠦᠷᠭᠡᠰᠴᠤ᠂ ᠮᠥᠩᠭᠦᠨ | ᠭᠦᠢᠯᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠮᠥᠩᠭᠦᠨ ᠤ ᠦᠯᠡᠳᠡᠭᠳᠡᠯ ᠲᠤᠰᠪᠤᠷᠢ 249.5 | ᠳ᠋ᠦᠩᠰᠢᠭᠤᠷ ᠲᠥᠭᠦᠷᠢᠭ ᠪᠤᠯᠤᠨ 285.1 ᠳ᠋ᠦᠩᠰᠢᠭᠤᠷ ᠲᠥᠭᠦᠷᠢᠭ ᠬᠦᠷᠴᠠᠢ᠃ ᠠᠶᠢᠮᠠᠭ ᠤᠨ ᠲᠦᠪ ᠬᠤᠳᠠ | ᠶᠢᠨ ᠳᠦᠪᠯᠡᠷᠡᠭᠦᠯᠦᠨ ᠲᠠᠭᠠᠭᠤᠯᠵᠦ ᠨᠥᠯᠦᠭᠡᠯᠡᠨ ᠳᠠᠶᠢᠴᠢᠯᠠᠬᠤ ᠦᠢᠯᠡᠳᠣᠯ ᠪᠠ ᠦᠢᠯᠡᠴᠢᠯᠡᠭᠡᠨ ᠤ ᠴᠢᠳᠠᠪᠬᠢ | ᠮᠡᠳᠡᠭᠳᠡᠮ᠎ᠠ ᠨᠡᠮᠡᠭᠳᠡᠪᠡ᠃ ᠰᠢᠶᠠᠨ ᠳ᠋ᠠᠢ ᠪᠤᠳᠠᠰ ᠤᠨ ᠬᠦᠢᠯᠭᠡᠭᠡᠨ ᠤ ᠬᠦᠷᠢᠶᠡᠯᠡᠩ ᠳᠤᠭᠤᠷᠢᠭ ᠢ ᠦᠪᠡᠷᠳᠡᠭᠡᠨ ᠵᠠᠰᠠᠬᠤ | ᠤᠷᠤᠨ ᠤ ᠳᠡᠰ ᠤᠨ ᠪᠤᠳᠠᠰ ᠤᠨ ᠬᠦᠢᠯᠭᠡᠭᠡᠨ ᠤ ᠬᠦᠷᠢᠶᠡᠯᠡᠩ ᠳᠤᠭᠤᠷᠢᠭ ᠪᠣᠯᠭᠠᠨ ᠲᠡᠰ ᠲᠡᠪᠰᠢᠭᠦᠯᠵᠦ᠂ ᠪᠦᠭᠦ | ᠤᠷᠤᠨ ᠤ ᠦᠢᠯᠡᠴᠢᠯᠡᠭᠡᠨ ᠤ ᠦᠢᠯᠡᠰ ᠤᠨ ᠦᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠳᠤᠷᠰᠢᠯᠳᠠ ᠶᠢᠨ ᠴᠡᠭ | ᠪᠣᠯᠭᠠᠨ ᠪᠠᠶᠢᠭᠤᠯᠪᠠ᠃ | ︵ᠭᠤᠷᠪᠠ︶ ᠰᠠᠭᠤᠷᠢ ᠲᠦᠬᠦᠭᠡᠷᠣᠮᠵᠢ ᠲᠠᠰᠣᠷᠠᠯᠳᠠ ᠦᠭᠡᠢ ᠲᠡᠬᠦᠯᠳᠡᠷᠵᠢᠵᠣ᠂ ᠬᠤᠳᠠ ᠬᠦᠳᠡᠭᠡ ᠶᠢᠨ ᠲᠦᠷᠢ | ᠲᠦᠷᠬᠦ ᠮᠡᠳᠡᠭᠳᠡᠮ᠎ᠠ ᠬᠤᠪᠢᠷᠠᠯᠳᠠ ᠲᠠᠢ ᠪᠣᠯᠪᠠ᠃ ᠲᠠᠪᠣᠨ ᠵᠢᠯ ᠳᠤ ᠨᠡᠶᠢᠳᠠ 731 ᠳ᠋ᠦᠩᠰᠢᠭᠤᠷ ᠲᠦᠬᠦᠷᠢᠭ ᠤᠨ | ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠪᠡᠶᠡᠯᠡᠬᠦᠯᠵᠣ᠂ ᠵᠢᠯ ᠪᠦᠷᠢ ᠲᠣᠮᠳᠠᠴᠢ ᠪᠠᠷ 2.7% ᠪᠠᠷ | ᠨᠡᠮᠡᠭᠲᠡᠨ᠂ ᠣᠷᠢᠳ ᠬᠤᠵᠢᠳ ᠨᠢᠭᠡ ᠪᠦᠯᠦᠭ ᠰᠠᠭᠤᠷᠢ ᠲᠠᠯᠪᠢᠬᠤ᠂ ᠢᠷᠡᠭᠡᠳᠦᠢ ᠳᠤ ᠠᠰᠢᠭᠳᠠᠢ᠂ ᠠᠷᠠᠳ ᠲᠤ | ᠠᠰᠢᠭ ᠬᠦᠷᠳᠡᠭᠡᠬᠦ ᠴᠢᠬᠤᠯᠠ ᠶᠡᠭᠡ ᠲᠦᠷᠦᠯ ᠵᠦᠢᠯ ᠢ ᠭᠡᠷᠡᠭᠵᠢᠬᠦᠯᠦᠭᠰᠠᠨ ᠪᠠᠶᠢᠨ᠎ᠠ᠃ 2050 ᠺᠢᠯᠣᠮᠧᠲᠷ | ᠴᠠᠬᠢᠯᠭᠠᠨ ᠲᠠᠮᠵᠢᠭᠤᠯᠵᠦ ᠬᠦᠴᠦᠳᠡᠯ ᠬᠤᠪᠢᠷᠠᠭᠤᠯᠬᠤ ᠵᠠᠮ ᠱᠣᠭᠤᠮ᠂ 2130 ᠺᠢᠯᠣᠮᠧᠲᠷ ᠴᠠᠬᠢᠯᠭᠠᠨ ᠲᠡᠭᠡᠰᠦ | ᠪᠦᠲᠦᠭᠡᠨ ᠪᠠᠶᠢᠭᠤᠯᠵᠦ᠂ ᠲᠣᠣᠷ ᠰᠦᠯᠵᠢᠶᠠᠨ ᠤ ᠪᠦᠷᠬᠦᠴᠡ 90% ᠳᠤ ᠬᠦᠷᠴᠠᠢ᠃ ᠰᠢᠯᠢ ᠶᠢᠨ ᠬᠤᠳᠠ ᠠᠴᠠ | ᠲᠣᠯᠣᠨ ᠨᠠᠭᠤᠷ ᠬᠦᠷᠬᠦ ᠳᠡᠮᠦᠷ ᠵᠠᠮ᠂ ᠰᠢᠯᠢ ᠶᠢᠨ ᠬᠤᠳᠠ ᠠᠴᠠ ᠤᠯᠠᠭᠠᠨᠬᠤᠳᠠ ᠬᠦᠷᠬᠦ ᠲᠡᠮᠣᠷ ᠵᠠᠮ᠂ ᠰᠢᠯᠢ ᠶᠢᠨ | ᠬᠤᠳᠠ ᠠᠴᠠ ᠴᠢᠭᠤᠯᠣᠯᠳᠣ ᠬᠠᠭᠠᠯᠭ᠎ᠠ ᠬᠦᠷᠬᠦ ᠦᠨᠳᠣᠷ ᠬᠤᠷᠳᠣᠴᠠᠳᠣ ᠵᠠᠰᠠᠮᠠᠯ ᠵᠠᠮ ᠲᠡᠷᠭᠡ ᠨᠡᠪᠲᠡᠷᠡᠨ᠂ ᠳᠡᠮᠦᠷ | ᠵᠠᠮ ᠤᠨ ᠵᠦᠭᠡᠭᠡᠪᠦᠷᠢ ᠶᠢᠨ ᠪᠦᠬᠦ ᠣᠷᠲᠣ 376 ᠺᠢᠯᠤᠮᠧᠲᠷ ᠲᠤ ᠬᠦᠷᠴᠦ᠂ 159 ᠺᠢᠯᠤᠮᠧᠲᠷ ᠰᠢᠨ᠎ᠡ ᠪᠠᠷ | ᠨᠡᠮᠡᠭᠳᠡᠪᠡ᠃ 6 ᠵᠣᠷᠪᠣᠰ ᠠᠭᠠᠷ ᠤᠨ ᠵᠦᠭᠡᠭᠡᠪᠦᠷᠢ ᠶᠢᠨ ᠵᠠᠮ ᠱᠣᠭᠤᠮ ᠢ ᠨᠡᠪᠲᠡᠷᠡᠭᠦᠯᠵᠦ᠂ ᠠᠶᠠᠨᠴᠢᠳ ᠤᠨ | ᠵᠣᠷᠴᠢᠬᠤ ᠬᠡᠮᠵᠢᠶ᠎ᠠ ᠨᠡᠶᠢᠳᠠ 195 ᠲᠦᠮᠡᠨ ᠬᠦᠮᠣᠨ ᠣᠳᠠᠭ᠎ᠠ ᠳᠤ ᠬᠦᠷᠴᠦ᠂ ᠪᠠᠷᠠᠭ᠎ᠠ ᠲᠡᠭᠡᠭᠡᠪᠦᠷᠢᠯᠡᠨ | ᠣᠷᠣᠭᠤᠯᠵᠣ ᠭᠠᠷᠭᠠᠭᠰᠠᠨ ᠬᠡᠮᠵᠢᠶ᠎ᠠ 8335 ᠲᠣᠨ᠂ ︽ᠠᠷᠪᠠᠨ ᠨᠢᠭᠡᠳᠦᠭᠡᠷ ᠲᠠᠪᠣᠨ ᠵᠢᠯ︾ ᠲᠠᠢ ᠬᠠᠷᠢᠴᠠᠭᠤᠯᠪᠠᠯ | ᠂ ᠲᠣᠰᠪᠣᠷᠢ 5.8 ᠲᠠᠬᠢᠨ ᠪᠠ 24.1 ᠲᠠᠬᠢᠨ ᠢᠶᠠᠷ ᠨᠡᠮᠡᠭᠳᠡᠭᠰᠠᠨ ᠪᠠᠶᠢᠨ᠎ᠠ᠃ ᠬᠤᠳᠠ ᠶᠢᠨ | ᠶᠡᠷᠦᠩᠭᠡᠶᠢᠯᠡᠭᠰᠡᠨ ᠲᠠᠭᠠᠭᠠᠴᠠ ᠴᠢᠳᠠᠪᠣᠷᠢ ᠮᠡᠳᠡᠭᠳᠡᠮ᠎ᠠ ᠲᠡᠭᠡᠭᠰᠢᠯᠠᠪᠠ᠃ ᠡᠳ᠋ ᠤᠨ ᠵᠠᠰᠠᠭ ᠠᠴᠠ ᠤᠷᠢᠳ ᠬᠤᠵᠢᠳ | 60 ᠢᠯᠡᠬᠦᠦ ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠦ᠂ 156 ᠳ᠋ᠦᠩᠰᠢᠭᠤᠷ ᠲᠦᠬᠦᠷᠢᠭ ᠤᠨ ᠨᠡᠶᠢᠭᠡᠮ | ᠤᠨ ᠪᠡᠯᠡ ᠮᠥᠩᠭᠦ ᠶᠢ ᠲᠠᠶᠢᠴᠢᠯᠠᠵᠦ᠂ ︽ᠠᠷᠪᠠᠨ ᠨᠢᠭᠡᠳᠦᠭᠡᠷ ᠲᠠᠪᠣᠨ ᠵᠢᠯ︾ ᠤᠨ ᠬᠤᠭᠤᠴᠠᠭᠠᠨ ᠤ ᠬᠢ ᠠᠴᠠ | ᠲᠣᠰᠪᠦᠷᠢ 37.6% ᠪᠠ 46% ᠪᠠᠷ ᠨᠡᠮᠡᠭᠳᠡᠭᠰᠡᠨ ᠪᠠᠶᠢᠨ᠎ᠠ᠃ ᠬᠤᠳᠠ ᠲᠣᠭᠤᠷᠢᠭ ᠤᠨ ᠪᠦᠲᠦᠭᠡᠨ | ᠪᠠᠶᠢᠭᠤᠯᠣᠯᠲᠠ ᠶᠢᠨ ᠲᠠᠯᠠᠪᠠᠢ 37.5 ᠲᠡᠭᠰᠢ ᠲᠦᠷᠪᠡᠯᠵᠢᠨ ᠺᠢᠯᠣᠮᠧᠲᠷ ᠠᠴᠠ ᠪᠠᠨ ᠦᠷᠭᠡᠳᠴᠣ 45 ᠲᠡᠭᠰᠢ | ᠲᠦᠷᠪᠡᠯᠵᠢᠨ ᠺᠢᠯᠣᠮᠧᠲᠷ ᠪᠤᠯᠵᠠᠢ᠃ ᠬᠤᠳᠠ ᠶᠢᠨ ︽ᠲᠦᠭᠡᠭᠡᠯ ᠣᠰᠣ ᠪᠣᠵᠠᠷ ᠣᠰᠣ ᠪᠣᠷᠣᠭᠠᠨ ᠤ ᠣᠰᠣ︾᠂ | ᠲᠣᠯᠠᠭᠠᠯᠠᠯᠭ᠎ᠠ ᠬᠠᠩᠭᠠᠬᠤ ᠰᠢᠳᠠᠮᠠᠬᠠᠢ ᠬᠡᠢ ᠵᠡᠷᠭᠡ ᠶᠢᠨ ᠬᠤᠭᠤᠯᠠᠢ ᠱᠣᠭᠤᠮ ᠢ 321 ᠺᠢᠯᠣᠮᠧᠲᠷ ᠰᠢᠨ᠎ᠡ ᠪᠠᠷ | ᠵᠠᠰᠠᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ 34.5 ᠲᠦᠮᠡᠨ ᠳᠡᠭᠰᠢ ᠲᠦᠷᠪᠡᠯᠵᠢᠨ ᠮᠧᠲᠷ | ᠵᠠᠰᠠᠨ ᠦᠭᠡᠷᠡᠴᠢᠯᠡᠵᠦ᠂ ᠲᠣᠯᠠᠭᠠᠯᠠᠯᠭ᠎ᠠ ᠬᠠᠩᠭᠠᠬᠤ ᠴᠢᠳᠠᠪᠦᠷᠢ 800 ᠲᠦᠮᠡᠨ ᠲᠡᠭᠰᠢ ᠲᠦᠷᠪᠡᠯᠵᠢᠨ ᠮᠧᠲᠷ ᠰᠢᠨ᠎ᠠ | ᠪᠠᠷ ᠨᠡᠮᠡᠭᠳᠡᠵᠦ᠂ ᠬᠦᠮᠣᠨ ᠲᠣᠮᠳᠠᠴᠢ ᠶᠢᠨ ᠴᠠᠷᠳᠠᠮᠠᠯ ᠵᠠᠮ ᠤᠨ ᠲᠠᠯᠠᠪᠠᠢ᠂ ᠴᠡᠴᠡᠷᠯᠢᠭ ᠤᠨ ᠨᠣᠭᠤᠭᠠᠷᠠᠭᠤᠯᠣᠭᠰᠠᠨ | ᠲᠠᠯᠠᠪᠠᠢ᠂ ᠨᠣᠭᠤᠭᠠᠷᠠᠭᠤᠯᠣᠯᠳᠠ ᠶᠢᠨ ᠪᠦᠷᠬᠦᠴᠡ ᠲᠣᠰᠪᠦᠷᠢ 33.9 ᠳᠡᠭᠰᠢ ᠳᠦᠷᠪᠡᠯᠵᠢᠨ ᠮᠧᠲᠷ᠂16.3 ᠲᠡᠭᠰᠢ | ᠲᠦᠷᠪᠡᠯᠵᠢᠨ ᠮᠧᠲᠷ ᠪᠠ 35.7% ᠪᠠᠶᠢᠵᠣ᠂ ︽ᠠᠷᠪᠠᠨ ᠨᠢᠭᠡᠳᠦᠭᠡᠷ ᠲᠠᠪᠣᠨ ᠵᠢᠯ︾ ᠤᠨ ᠰᠡᠭᠦᠯᠴᠢ ᠬᠤᠭᠤᠴᠠᠭ᠎ᠠ | ᠲᠠᠢ ᠬᠠᠷᠢᠴᠠᠭᠤᠯᠪᠠᠯ ᠲᠣᠰᠪᠦᠷᠢ 8.4 ᠳᠡᠭᠰᠢ ᠳᠦᠷᠪᠡᠯᠵᠢᠨ ᠮᠧᠲᠷ᠂ 8 ᠳᠡᠭᠰᠢ ᠳᠦᠷᠪᠡᠯᠵᠢᠨ ᠮᠧᠲᠷ ᠪᠠ 5.5 | ᠵᠠᠭᠤᠨ ᠤ ᠬᠤᠪᠢ ᠪᠠᠷ ᠲᠡᠭᠡᠭᠰᠢᠯᠡᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠮᠡᠳᠡᠭᠳᠡᠮ᠎ᠠ ᠰᠠᠶᠢᠵᠢᠷᠠᠪᠠ᠃ | ᠬᠤᠳᠠ ᠲᠣᠭᠤᠷᠢᠭᠰᠠᠨ ᠣᠰᠣᠨ ᠰᠢᠰᠲ᠋ᠧᠮ᠂ ᠵᠡᠭᠡᠯᠢ ᠶᠢᠨ ᠦᠵᠡᠮᠵᠢ ᠶᠢᠨ ᠦᠭᠡᠷᠡᠴᠢᠯᠡᠯᠳᠠ᠂ ᠰᠦᠨᠢ ᠶᠢᠨ ᠦᠵᠡᠮᠵᠢ | ᠶᠢᠨ ᠭᠡᠭᠡᠷᠡᠬᠦᠯᠣᠯᠳᠠ᠂ ᠰᠢᠯᠢ ᠶᠢᠨ ᠭᠤᠣᠯ ᠤᠨ ᠲᠠᠮᠢᠷ ᠤᠨ ᠣᠷᠳᠣᠨ ᠤ ᠲᠦᠪ᠂ ᠠᠮᠢᠳᠠᠨ ᠣᠷᠭᠤᠮᠠᠯ ᠤᠨ | ᠰᠢᠨᠵᠢᠯᠡᠭᠡ ᠮᠡᠷᠭᠡᠵᠢᠯ ᠤᠨ ᠬᠦᠷᠢᠶᠠᠯᠠᠩ᠂ ᠰᠢᠯᠢᠨ ᠨᠠᠭᠤᠷ ᠤᠨ ᠦᠵᠡᠮᠵᠢ ᠰᠣᠨᠢᠷᠬᠠᠬᠤ ᠪᠦᠰᠠ᠂ U ᠬᠡᠯᠪᠡᠷᠢᠳᠣ | ᠬᠤᠳᠠ ᠶᠢᠨ ᠬᠠᠯᠬᠠᠪᠴᠢ ᠣᠢ ᠵᠡᠷᠭᠡ ᠨᠢᠭᠡ ᠪᠦᠯᠦᠭ ᠨᠠᠷᠢᠯᠢᠭ ᠰᠣᠳᠣᠨ ᠢᠨᠵᠧᠨᠧᠷᠢᠩ ᠢ ᠭᠡᠷᠡᠭᠵᠢᠬᠦᠯᠵᠣ᠂ ᠬᠤᠳᠠ | ᠶᠢᠨ ᠲᠡᠰ ᠴᠢᠨᠠᠷᠵᠢᠯ ᠶᠡᠭᠡ ᠬᠡᠮᠵᠢᠶ᠎ᠠ ᠪᠠᠷ ᠲᠡᠭᠡᠭᠰᠢᠯᠡᠭᠰᠠᠨ ᠪᠠᠶᠢᠨ᠎ᠠ᠃ ᠬᠤᠳᠠ ᠶᠢᠨ ᠬᠠᠮᠢᠶᠠᠷᠣᠯᠳᠠ ᠶᠢᠨ | ᠶᠡᠷᠦᠩᠭᠡᠶᠢᠯᠡᠭᠰᠠᠨ ᠬᠠᠣᠯᠢ ᠬᠡᠷᠡᠭᠵᠢᠭᠦᠯᠬᠦ ᠠᠵᠢᠯ ᠢ ᠠᠬᠢᠭᠤᠯᠤᠨ᠂ ᠬᠤᠳᠠ ᠶᠢᠨ ᠲᠦᠷᠢ ᠲᠦᠷᠬᠦ ᠶᠢ ᠲᠦᠪᠯᠡᠷᠡᠬᠦᠯᠣᠨ | ᠵᠠᠰᠠᠵᠣ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠤᠭᠠᠴᠢᠯᠠᠭᠰᠡᠨ ᠬᠤᠳᠠ ᠶᠢᠨ ᠬᠠᠮᠢᠶᠠᠷᠣᠯᠳᠠ ᠶᠢᠨ | ᠵᠢᠯᠣᠭᠤᠳᠬᠤ ᠲᠥᠪ ᠪᠠ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠤᠭᠰᠡᠨ ᠪᠠᠶᠢᠨ᠎ᠠ᠂ ᠠᠮᠢᠳᠣᠷᠠᠯ ᠤᠨ ᠬᠤᠭ ᠨᠤᠪᠰᠢ | ᠶᠢ ᠬᠤᠤᠷ ᠥᠭᠡᠶᠢᠳᠡᠭᠦᠯᠵᠥ ᠰᠢᠢᠳᠪᠤᠷᠢᠯᠡᠬᠦ ᠨᠤᠷᠮ᠎ᠠ ᠢᠮᠠᠭᠳᠠ100% ᠶᠢ ᠪᠠᠷᠢᠮᠳᠠᠯᠠᠵᠥ᠂ ᠥᠪᠡᠷᠲᠡᠭᠡᠨ ᠵᠠᠰᠠᠬᠤ | ᠣᠷᠣᠨ ᠤ ᠲᠡᠰ ᠤᠨ ︽ᠪᠤᠯᠪᠠᠰᠣᠨ ᠬᠤᠳᠠ᠂ ᠡᠷᠡᠭᠦᠯ ᠬᠠᠮᠠᠭᠠᠯᠠᠯ ᠤᠨ ᠬᠤᠳᠠ᠂ ᠴᠡᠴᠡᠷᠯᠢᠭᠵᠢᠭᠦᠯᠥᠭᠰᠡᠨ ᠬᠤᠳᠠ︾ | ᠶᠢᠨ ᠢᠷᠠᠭᠤ ᠠᠯᠳᠠᠷ ᠢ ᠬᠥᠷᠲᠡᠭᠰᠡᠨ ᠪᠠᠶᠢᠨ᠎ᠠ᠃ | ᠮᠠᠯᠵᠢᠬᠤ ᠤᠷᠤᠨ ᠤ ᠥᠢᠯᠡᠳᠪᠥᠷᠢᠯᠡᠯ ᠠᠮᠢᠳᠣᠷᠠᠯ ᠤᠨ ᠨᠥᠬᠦᠴᠡᠯ ᠮᠡᠳᠡᠭᠳᠡᠮ᠎ᠡ ᠰᠠᠶᠢᠵᠢᠷᠠᠪᠠ᠃ ᠲᠠᠪᠤᠨ ᠵᠢᠯ | ᠤᠨ ᠲᠤᠷᠰᠢ᠂ ᠮᠠᠯᠵᠢᠬᠤ ᠤᠷᠤᠨ ᠳᠤ 513 ᠺᠢᠯᠤᠮᠧᠲᠷ ᠵᠠᠰᠠᠮᠠᠯ ᠵᠠᠮ ᠵᠠᠰᠠᠵᠦ᠂ 5517 ᠰᠠᠭᠤᠷᠢ ᠠᠶᠣᠯᠲᠠᠢ | ᠬᠠᠭᠤᠴᠢᠨ ᠭᠡᠷ ᠪᠠᠶᠢᠰᠢᠩ ᠢ ᠵᠠᠰᠠᠨ ᠰᠠᠶᠢᠵᠢᠷᠠᠭᠤᠯᠤᠨ᠂ ︽ᠨᠢᠭᠡ ᠣᠴᠢᠷ ᠢ ᠨᠢᠭᠡ ᠵᠦᠪᠯᠡᠬᠦ︾᠂ ᠲᠠᠷᠢᠶᠠᠯᠠᠩ ᠤᠨ | ᠶᠡᠷᠦᠩᠬᠡᠶᠢᠯᠡᠭᠰᠡᠨ ᠨᠡᠭᠡᠭᠡᠯᠲᠡ᠂ ᠮᠢᠬᠠᠨ ᠤ ᠬᠤᠨᠢᠨ ᠤ ᠡᠳ᠋ ᠤᠨ ᠵᠠᠰᠠᠭ ᠤᠨ ᠱᠠᠩᠨᠠᠯ ᠤᠨ ᠨᠥᠬᠦᠪᠥᠷᠢ ᠶᠢᠨ ᠲᠥᠷᠥᠯ | ᠵᠥᠢᠯ 155 ᠶᠢ ᠬᠡᠷᠡᠭᠵᠢᠭᠦᠯᠵᠦ᠂ 2 ᠲᠥᠮᠡᠨ ᠬᠥᠮᠥᠨ ᠤ ᠣᠰᠥ ᠣᠮᠳᠠ ᠶᠢᠨ ᠠᠰᠠᠭᠤᠳᠠᠯ ᠢ ᠰᠢᠢᠳᠪᠦᠷᠢᠯᠡᠨ᠂ | ᠴᠠᠬᠢᠯᠭᠠᠨ ᠨᠡᠪᠲᠡᠷᠡᠭᠡ ᠥᠬᠡᠢ ᠡᠷᠥᠬᠡ ᠶᠢ ᠥᠨᠳᠥᠰᠥᠨ ᠳᠡᠭᠡᠨ ᠦᠭᠡᠶᠢᠰᠭᠡᠭᠰᠡᠨ ᠪᠠᠶᠢᠨ᠎ᠠ᠃ 236 ᠲᠦᠮᠡᠨ ᠲᠡᠭᠰᠢ | ᠲᠦᠷᠪᠡᠯᠵᠢᠨ ᠮᠧᠲᠷ ᠳᠤᠯᠠᠭᠠᠨ ᠰᠠᠷᠠᠪᠴᠢ᠂ ᠮᠠᠯ ᠤᠨ ᠬᠠᠰᠢᠶ᠎ᠠ᠂ ᠡᠪᠡᠰᠦ ᠬᠠᠳᠠᠭᠠᠯᠠᠬᠤ ᠫᠧᠩ ᠵᠡᠷᠭᠡ ᠶᠢ | ᠪᠠᠶᠢᠭᠤᠯᠵᠤ᠂ ᠳᠤᠮᠤ ᠭᠡᠯᠪᠡᠷᠢ ᠶᠢᠨ ᠭᠠᠮᠰᠢᠭ ᠢ ᠡᠰᠡᠷᠭᠦᠴᠡᠭᠦ ᠡᠪᠡᠰᠦ ᠬᠠᠳᠠᠭᠠᠯᠠᠬᠤ ᠰᠠᠭᠤᠷᠢᠨ ᠭᠠᠵᠠᠷ ᠤᠨ | ᠪᠦᠷᠭᠦᠴᠡ ᠶᠢ ᠪᠡᠶᠡᠯᠡᠭᠦᠯᠵᠠᠢ᠃ ︽ᠠᠷᠪᠠ ᠶᠢ ᠪᠥᠷᠬᠦᠭᠦᠯᠬᠦ︾ ᠢᠨᠵᠧᠨᠧᠷᠢᠩ ᠢ ᠭᠥᠨᠵᠡᠭᠡᠢ ᠠᠬᠢᠭᠤᠯᠤᠨ᠂ 9 | ᠳ᠋ᠥᠩᠰᠢᠭᠤᠷ ᠲᠥᠭᠦᠷᠢᠭ ᠪᠡᠯᠡ ᠮᠥᠩᠬᠦ ᠵᠠᠷᠣᠴᠠᠭᠤᠯᠵᠥ᠂ ᠮᠠᠯᠵᠢᠬᠤ ᠤᠷᠤᠨ ᠤ ᠣᠯᠠᠨ ᠨᠡᠶᠢᠳᠡ ᠶᠢᠨ ᠦᠢᠯᠡᠴᠢᠯᠡᠭᠡᠨ | ᠤ ᠬᠢᠷᠢ ᠳᠦᠪᠰᠢᠨ ᠢ ᠶᠡᠭᠡ ᠪᠠᠷ ᠲᠡᠭᠡᠭᠰᠢᠯᠡᠭᠦᠯᠵᠠᠢ᠃ | ᠠᠮᠢ ᠠᠬᠤᠢ ᠶᠢᠨ ᠣᠷᠴᠢᠨ ᠲᠤᠭᠤᠷᠢᠨ ᠥᠷᠬᠦᠯᠵᠢᠯᠡᠨ ᠰᠠᠶᠢᠵᠢᠷᠠᠪᠠ᠃ ᠲᠡᠪᠤᠨ ᠵᠢᠯ ᠤᠨ ᠲᠣᠷᠰᠢ᠂ ᠤᠷᠢᠳ | ᠬᠤᠵᠢᠳ 35 ᠳ᠋ᠥᠩᠰᠢᠭᠤᠷ ᠲᠥᠭᠦᠷᠢᠭ ᠤᠨ ᠪᠥᠲᠥᠭᠡᠨ ᠪᠠᠶᠢᠭᠤᠯᠤᠯᠳᠠ ᠶᠢᠨ ᠪᠡᠯᠡ ᠮᠥᠩᠬᠦ ᠵᠠᠷᠣᠴᠠᠭᠤᠯᠵᠥ᠂ 86 | ᠲᠥᠮᠡᠨ ᠮᠥ ᠠᠮᠢ ᠠᠬᠤᠢ ᠶᠢᠨ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠭᠦᠯᠦᠨ᠂ 2027 ᠲᠦᠮᠡᠨ ᠮᠦ | ᠨᠣᠲᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠤᠨ ᠲᠣᠭᠲᠠᠴᠠ ᠶᠢ ᠬᠡᠷᠡᠭᠵᠢᠭᠦᠯᠵᠦ᠂ ᠣᠯᠣᠰ ᠤᠨ | ᠲᠡᠰ ᠤᠨ ︽ᠪᠡᠭᠡᠵᠢᠩ ᠲᠢᠶᠠᠨᠵᠢᠨ ᠤ ᠰᠠᠯᠬᠢ ᠡᠯᠡᠰᠣᠨ ᠤ ᠡᠬᠢ ᠰᠣᠷᠪᠤᠯᠵᠢ ᠶᠢ ᠵᠠᠰᠠᠬᠤ ᠢᠨᠵᠧᠨᠧᠷᠢᠩ ᠤᠨ | ᠲᠠᠷᠢᠭᠦᠨ ᠤ ᠬᠠᠮᠳᠥ ᠨᠡᠶᠢᠲᠡ︾ ᠪᠠᠷ ᠥᠨᠡᠯᠡᠭᠳᠡᠭᠰᠡᠨ ᠪᠠᠶᠢᠨ᠎ᠠ᠃ 10 ᠳᠡᠭᠰᠢ ᠳᠦᠷᠪᠡᠯᠵᠢᠨ ᠺᠢᠯᠤᠮᠧᠲᠷ | ᠠᠭᠤᠷᠬᠠᠢ ᠶᠢᠨ ᠣᠷᠴᠢᠨ ᠲᠤᠭᠤᠷᠢᠨ ᠪᠠ ᠠᠮᠢ ᠠᠬᠤᠢ᠂ 15 ᠳᠡᠭᠰᠢ ᠳᠦᠷᠪᠡᠯᠵᠢᠨ ᠺᠢᠯᠤᠮᠧᠲᠷ ᠰᠢᠷᠣᠢ | ᠭᠠᠳᠠᠭᠰᠢᠯᠠᠭᠤᠯᠬᠤ ᠲᠠᠯᠠᠪᠠᠢ ᠶᠢ ᠵᠠᠰᠠᠨ ᠰᠠᠶᠢᠵᠢᠷᠠᠭᠤᠯᠤᠨ᠂ ᠪᠥᠬᠦ ᠬᠤᠳᠠ ᠶᠢᠨ ᠤᠢ ᠰᠢᠭᠤᠢ ᠶᠢᠨ ᠪᠦᠷᠬᠦᠴᠡ᠂ | ᠲᠠᠯ᠎ᠠ ᠨᠣᠳᠤᠭ ᠤᠨ ᠣᠷᠭᠤᠮᠡᠯ ᠬᠤᠴᠢᠯᠭ᠎ᠠ ᠲᠤᠰᠪᠤᠷᠢ 5.47% ᠪᠠ 42% ᠲᠤ ᠬᠦᠷᠴᠠᠢ᠃ ᠣᠣᠭᠤᠬᠤ | ᠣᠰᠣᠨ ᠤ ᠣᠰᠣᠨ ᠰᠣᠷᠪᠣᠯᠵᠢ ᠶᠢᠨ ᠬᠠᠮᠠᠭᠠᠯᠠᠯᠳᠠ ᠪᠠ ᠪᠤᠬᠢᠷᠳᠣᠯ ᠢ ᠰᠡᠷᠭᠡᠶᠢᠯᠡᠬᠦ ᠠᠵᠢᠯ ᠢ ᠥᠷᠨᠢᠭᠦᠯᠵᠥ᠂ ᠠᠭᠤᠷ | ᠮᠠᠨᠳᠠᠯ ᠤᠨ ᠴᠢᠨᠠᠷ ᠴᠢᠨᠰᠠᠭ᠎ᠠ ᠶᠢᠨ ᠠᠦ᠋ᠲ᠋ᠣᠴᠢᠯᠠᠭᠰᠠᠨ ᠬᠢᠨᠠᠨ ᠬᠡᠮᠵᠢᠯᠲᠡ ᠶᠢ ᠪᠠᠶᠡᠯᠡᠭᠦᠯᠵᠥ᠂ ᠲᠥᠮᠡᠨ ᠲᠥᠭᠦᠷᠢᠭ | ᠤᠨ ᠥᠢᠯᠡᠳᠪᠥᠷᠢᠯᠡᠯ ᠤᠨ ᠶᠡᠷᠥᠩᠬᠡᠢ ᠥᠷᠲᠡᠭ ᠪᠦᠷᠢ ᠶᠢᠨ ᠡᠨᠧᠷᠬᠢ ᠶᠢᠨ ᠬᠤᠷᠣᠭᠳᠠᠯ ᠢ 15% ᠪᠠᠷ | ᠲᠣᠷᠣᠭᠰᠢᠯᠠᠭᠤᠯᠣᠨ᠂ ᠡᠨᠧᠷᠬᠢ ᠶᠢ ᠠᠷᠪᠢᠯᠠᠨ ᠭᠠᠳᠠᠭᠰᠢᠯ ᠢ ᠪᠠᠭᠠᠰᠬᠠᠬᠤ ᠡᠭᠦᠷᠭᠡ ᠶᠢ ᠢᠯᠭᠤᠮ ᠠᠮᠵᠢᠯᠳᠡ ᠲᠠᠢ | ᠪᠡᠶᠡᠯᠡᠭᠦᠯᠵᠠᠢ᠃ | ︵ᠳᠦᠷᠪᠡ︶ ᠠᠷᠠᠳ ᠤᠨ ᠠᠮᠢᠳᠣᠷᠠᠯ ᠤᠨ ᠪᠠᠳᠤᠯᠠᠭ᠎ᠠ ᠮᠡᠳᠡᠭᠳᠡᠮ᠎ᠡ ᠲᠡᠭᠡᠭᠰᠢᠯᠡᠵᠥ᠂ ᠨᠡᠶᠢᠭᠡᠮ ᠤᠨ ᠠᠵᠢᠯ | ᠥᠢᠯᠡᠰ ᠵᠣᠬᠢᠴᠠᠩᠭᠤᠢ ᠬᠦᠭᠵᠢᠪᠡ᠃ ᠬᠤᠳᠠ ᠶᠢᠨ ᠡᠳ᠋ ᠤᠨ ᠵᠠᠰᠠᠭ ᠠᠴᠠ ᠠᠷᠠᠳ ᠤᠨ ᠠᠮᠢᠳᠣᠷᠠᠯ ᠳᠤ | ᠬᠤᠯᠪᠣᠭᠳᠠᠬᠤ ᠪᠡᠯᠡ ᠮᠦᠩᠭᠦ ᠨᠡᠶᠢᠳᠡ 79 ᠳ᠋ᠥᠩᠰᠢᠭᠤᠷ ᠲᠥᠭᠦᠷᠢᠭ ᠵᠠᠷᠤᠴᠠᠭᠤᠯᠵᠤ᠂ ︽ᠠᠷᠪᠠᠨ ᠨᠢᠭᠡᠳᠥᠭᠡᠷ | ᠲᠠᠪᠤᠨ ᠵᠢᠯ︾ ᠤᠨ ᠬᠤᠭᠤᠴᠠᠭᠠᠨ ᠠᠴᠠ 3.76 ᠲᠠᠬᠢᠨ ᠪᠠᠶᠢᠵᠦ᠂ ᠠᠷᠠᠳ ᠤᠨ ᠠᠮᠢᠳᠣᠷᠠᠯ ᠲᠠᠢ ᠬᠤᠯᠪᠣᠭᠳᠠᠬᠤ | ᠪᠤᠳᠠᠳᠥ ᠶᠠᠪᠣᠳᠠᠯ ᠢ ᠪᠦᠲᠦᠮᠵᠢᠲᠠᠢ ᠨᠠᠶᠢᠳᠠᠪᠣᠷᠢᠵᠢᠭᠤᠯᠪᠠ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠲᠤᠮᠳᠠᠴᠢ ᠶᠢᠨ ᠡᠵᠡᠮᠳᠡᠵᠥ ᠪᠤᠯᠬᠤᠶᠢᠴᠠ ᠣᠷᠣᠯᠭ᠎ᠠ 21362 ᠲᠥᠭᠦᠷᠢᠭ ᠪᠠ 9527 | ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 36472 ᠲᠥᠭᠦᠷᠢᠭ ᠪᠠ 20635 ᠲᠥᠭᠦᠷᠢᠭ ᠪᠤᠯᠤᠭᠰᠡᠨ | ᠪᠠᠶᠢᠨ᠎ᠠ᠂ ᠵᠢᠯ ᠪᠦᠷᠢ ᠲᠤᠮᠳᠠᠴᠢ ᠪᠠᠷ 11.3 % ᠪᠠ 16.7% ᠪᠠᠷ ᠨᠡᠮᠡᠭᠳᠡᠵᠡᠢ᠃ ᠲᠠᠪᠤᠨ ᠵᠢᠯ ᠳᠤ ᠨᠡᠶᠢᠲᠡ | ᠬᠤᠳᠠ ᠪᠠᠯᠭᠠᠰᠣᠨ ᠤ 2.25 ᠲᠥᠮᠡᠨ ᠬᠥᠮᠥᠨ ᠳᠤ ᠠᠵᠢᠯ ᠣᠯᠭᠤᠵᠦ᠂ ᠲᠠᠩᠰᠠᠯᠠᠭᠰᠠᠨ ᠠᠵᠢᠯ ᠠᠯᠳᠠᠭᠰᠠᠨ | ᠨᠣᠷᠮ᠎ᠠ ᠶᠢ 3.33% ᠶᠢᠨ ᠲᠤᠲᠤᠷ᠎ᠠ ᠬᠢᠵᠠᠭᠠᠷᠯᠠᠨ᠂ ︽ᠣᠷᠣᠨ ᠤ ᠲᠡᠰ ᠤᠨ ᠥᠢᠯᠡᠰ ᠪᠥᠳᠥᠭᠡᠬᠦ ᠬᠡᠯᠪᠡᠷᠢ ᠶᠢᠨ | ᠬᠤᠰᠢᠭᠤ ᠰᠢᠶᠠᠨ︾ ᠢᠶᠠᠷ ᠥᠨᠡᠯᠡᠭᠳᠡᠭᠰᠡᠨ ᠪᠠᠶᠢᠨ᠎ᠠ᠃ ᠨᠡᠶᠢᠭᠡᠮ ᠤᠨ ᠪᠠᠲᠣᠯᠠᠭ᠎ᠠ ᠶᠢᠨ ᠰᠢᠰᠲ᠋ᠧᠮ ᠨᠡᠩ | ᠲᠡᠭᠦᠯᠳᠡᠷᠵᠢᠵᠦ᠂ ᠪᠠᠲᠣᠯᠠᠭ᠎ᠠ ᠳᠤ ᠣᠷᠣᠯᠴᠠᠭᠰᠠᠳ 11.3 ᠲᠦᠮᠡᠨ ᠬᠦᠮᠦᠨ ᠳᠤ ᠬᠦᠷᠴᠦ᠂ ᠡᠯ᠎ᠡ ᠵᠦᠢᠯ ᠤᠨ | ᠨᠡᠶᠢᠭᠡᠮ ᠤᠨ ᠲᠠᠭᠠᠳᠬᠠᠯ ᠤᠨ ᠬᠦᠷᠲᠡᠮᠵᠢ ᠶᠡᠬᠡᠪᠡᠷ ᠨᠡᠮᠡᠭᠳᠡᠭᠰᠡᠨ ᠪᠠᠶᠢᠨ᠎ᠠ᠃ ︽ᠰᠢᠯᠢᠨ ᠢ ᠡᠾᠧ ᠶᠤᠸᠠᠨ︾᠂ ︽ | ᠠᠴᠢᠯᠠᠯ︾ ᠵᠡᠷᠭᠡ ᠠᠰᠠᠷᠠᠮᠵᠢ ᠶᠢᠨ ᠪᠠᠶᠢᠭᠤᠯᠤᠮᠵᠢ ᠶᠢ ᠪᠠᠶᠢᠭᠤᠯᠵᠥ᠂ ︽12349︾ ᠨᠡᠶᠢᠭᠡᠮ ᠲᠣᠭᠤᠷᠢᠭ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠢ ᠪᠠᠶᠢᠭᠤᠯᠤᠨ᠂ ᠡᠯ᠎ᠡ ᠲᠥᠷᠥᠯ ᠤᠨ ᠪᠠᠳᠤᠯᠠᠭ᠎ᠠ ᠪᠠ ᠠᠪᠤᠷᠡᠨ | ᠲᠤᠰᠠᠯᠠᠬᠤ ᠪᠡᠯᠡ ᠮᠥᠩᠬᠦ 2.3 ᠳ᠋ᠥᠩᠰᠢᠭᠤᠷ ᠲᠥᠭᠦᠷᠢᠭ ᠣᠯᠭᠤᠵᠦ᠂ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠵᠢᠯ | ᠳᠤ ᠲᠡᠭᠰᠢᠳᠭᠡᠭᠡᠳ14 % ᠪᠠᠷ ᠲᠡᠭᠡᠭᠰᠢᠯᠡᠭᠰᠡᠨ ᠪᠠᠶᠢᠨ᠎ᠠ᠃ 13.7 ᠳ᠋ᠥᠩᠰᠢᠭᠤᠷ ᠲᠥᠭᠦᠷᠢᠭ ᠪᠡᠯᠡ ᠮᠥᠩᠭᠦ | ᠵᠠᠷᠣᠴᠠᠭᠤᠯᠵᠥ᠂ 30 ᠰᠠᠭᠤᠷᠢ ᠲᠤᠮᠳᠠ ᠪᠠᠭ᠎ᠠ ᠰᠣᠷᠭᠠᠭᠤᠯᠢ ᠪᠠ ᠭᠡᠦᠭᠡᠳ ᠤᠨ ᠴᠡᠴᠡᠷᠯᠢᠭ ᠢ ᠰᠢᠨ᠎ᠡ ᠪᠠᠷ | ᠪᠠᠶᠢᠭᠤᠯᠤᠨ᠂ ᠰᠣᠷᠭᠠᠭᠤᠯᠢ ᠶᠢᠨ ᠲᠠᠯᠠᠪᠠᠢ 20.7 ᠲᠥᠮᠡᠨ ᠲᠡᠭᠰᠢ ᠲᠥᠷᠪᠡᠯᠵᠢᠨ ᠮᠧᠲᠷ ᠨᠡᠮᠡᠭᠳᠡᠵᠦ᠂ ᠰᠣᠷᠭᠠᠨ | ᠬᠥᠮᠥᠵᠢᠯ ᠤᠨ ᠴᠢᠨᠠᠷ ᠴᠢᠨᠰᠠᠭ᠎ᠠ ᠮᠡᠳᠡᠭᠳᠡᠮ᠎ᠡ ᠲᠡᠭᠡᠭᠰᠢᠯᠡᠵᠠᠢ᠃ 4.2 ᠳ᠋ᠦᠩᠰᠢᠭᠤᠷ ᠳᠦᠭᠦᠷᠢᠭ ᠪᠡᠯᠡ ᠤᠷᠤᠭᠤᠯᠵᠤ | ᠂ ᠰᠢᠨ᠎ᠡ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠪᠠ᠃ 66 ᠰᠠᠭᠤᠷᠢ ᠥᠨᠳᠥᠰᠥᠨ | ᠱᠠᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠪᠠᠶᠢᠭᠤᠯᠤᠮᠵᠢ ᠶᠢ ᠰᠢᠨ᠎ᠡ ᠪᠠᠷ ᠥᠷᠭᠡᠳᠭᠡᠨ | ᠪᠠᠶᠢᠭᠤᠯᠵᠥ᠂ ᠮᠠᠯᠴᠢᠳ ᠲᠤ 3 ᠲᠥᠮᠡᠨ ᠬᠥᠮᠥᠨ ᠣᠳᠠᠭᠠᠨ ᠤ ᠰᠥᠢᠳᠭᠡᠯ ᠬᠤᠷᠢᠶᠠᠬᠤ ᠥᠭᠡᠢ ᠪᠡᠶ᠎ᠡ ᠶᠢᠨ | ᠪᠠᠶᠢᠴᠠᠭᠠᠯᠳᠠ ᠬᠢᠵᠦ᠂ 5000 ᠡᠷᠡᠭᠦᠯ ᠴᠢᠬᠢᠷᠠᠭᠵᠢᠯ ᠤᠨ ᠡᠮ ᠤᠨ ᠬᠠᠶᠢᠷᠴᠠᠭ ᠳᠠᠷᠬᠠᠭᠠᠨ᠂ ᠬᠤᠳᠠ ᠬᠥᠳᠡᠭᠡ | ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠬᠢᠷᠢ ᠲᠥᠪᠰᠢᠨ ᠢ ᠣᠯᠠᠮ ᠨᠢᠭᠡ ᠠᠯᠬᠤᠮ | ᠲᠡᠭᠡᠭᠰᠢᠯᠡᠭᠦᠯᠥᠭᠰᠡᠨ ᠪᠠᠶᠢᠨ᠎ᠠ᠃ ᠣᠯᠠᠨ ᠲᠥᠮᠡᠨ ᠤ ᠰᠣᠶᠣᠯ ᠪᠡᠶ᠎ᠡ ᠲᠠᠮᠢᠷ ᠤᠨ ᠠᠵᠢᠯ ᠦᠢᠯᠡᠰ ᠦᠷᠨᠢᠨ ᠬᠦᠭᠵᠢᠵᠦ | ᠂ ᠪᠥᠬᠦ ᠣᠯᠣᠰ ᠲᠠᠬᠢ ᠲᠤᠮᠥ ᠬᠡᠯᠪᠡᠷᠢ ᠶᠢᠨ ᠠᠳᠣᠭᠤᠨ ᠰᠣᠶᠣᠯ ᠤᠨ ᠪᠥᠷᠢᠨ ᠥᠵᠡᠭᠳᠡᠯᠳᠥ ᠶᠡᠷᠥᠩᠭᠡᠶᠢᠯᠡᠭᠰᠡᠨ | ᠲᠤᠭᠯᠠᠯᠳᠠ ︽ᠪᠤᠭᠤᠷᠤᠯ ᠲᠡᠣᠬᠡ ᠶᠢᠨ ᠬᠥᠯᠥᠭ ᠤᠨ ᠮᠠᠭᠳᠠᠭᠠᠯ︾ ᠢ ᠲᠤᠭᠯᠠᠵᠠᠢ᠃ 2 ᠳ᠋ᠥᠩᠰᠢᠭᠤᠷ ᠲᠥᠭᠦᠷᠢᠭ | ᠵᠠᠷᠣᠴᠠᠭᠤᠯᠵᠥ᠂ ᠪᠥᠬᠦ ᠬᠤᠳᠠ ᠶᠢᠨ ᠠᠳᠠᠯ ᠠᠬᠤᠢ ᠶᠢᠨ ᠬᠠᠮᠢᠶᠠᠷᠣᠯᠳᠠ ᠶᠢᠨ ᠬᠢᠷᠢ ᠲᠥᠪᠰᠢᠨ ᠢ ᠲᠥᠷᠢᠮᠵᠢᠭᠦᠯᠥᠨ | ᠲᠡᠭᠡᠭᠰᠢᠯᠡᠭᠦᠯᠵᠥ᠂ ᠬᠤᠳᠠ ᠶᠢᠨ ᠠᠷᠠᠳ ᠤᠨ ᠶᠠᠪᠤᠵᠥ ᠰᠠᠭᠤᠬᠤ ᠣᠷᠴᠢᠨ ᠲᠤᠭᠤᠷᠢᠨ ᠪᠣᠯᠣᠨ ᠬᠤᠳᠠ ᠶᠢᠨ ᠣᠰᠦ | ᠤᠮᠳᠠ ᠶᠢᠨ ᠴᠢᠨᠠᠷ ᠴᠢᠨᠰᠠᠭ᠎ᠠ ᠶᠢ ᠰᠠᠶᠢᠵᠢᠷᠠᠭᠤᠯᠪᠠ᠃ 7.2 ᠳ᠋ᠥᠩᠰᠢᠭᠤᠷ ᠲᠥᠭᠦᠷᠢᠭ ᠤᠨ ᠶᠠᠳᠠᠭᠤ ᠶᠢ ᠲᠡᠳᠭᠦᠬᠦ | ᠪᠡᠯᠡ ᠮᠥᠩᠬᠦ ᠵᠠᠷᠣᠴᠠᠭᠤᠯᠵᠥ᠂ 1529 ᠬᠥᠮᠥᠨ ᠢ ᠶᠠᠳᠠᠭᠤ ᠠᠴᠠ ᠠᠩᠬᠢᠵᠢᠷᠠᠭᠤᠯᠤᠨ᠂ ᠶᠠᠳᠠᠭᠤ ᠬᠥᠴᠢᠷᠲᠡᠯᠳᠡᠢ | ᠭᠡᠷ ᠪᠥᠯᠢ ᠳᠤ 580 ᠲᠥᠮᠡᠨ ᠲᠥᠬᠦᠷᠢᠭ ᠤᠨ ᠰᠢᠲᠠᠭᠠᠯᠭ᠎ᠠ ᠶᠢᠨ ᠨᠥᠬᠦᠪᠥᠷᠢ ᠮᠥᠩᠬᠦ ᠣᠯᠭᠤᠪᠠ᠃ 182 | ᠲᠥᠮᠡᠨ ᠲᠡᠭᠰᠢ ᠲᠥᠷᠪᠡᠯᠵᠢᠨ ᠮᠧᠲᠷ ᠲᠦᠭᠦᠮ ᠪᠦᠲᠦᠴᠡᠲᠦ ᠣᠷᠣᠨ ᠰᠠᠭᠤᠴᠠ ᠶᠢ ᠵᠠᠰᠠᠨ ᠰᠠᠶᠢᠵᠢᠷᠠᠭᠤᠯᠬᠤ ᠪᠠ | ᠨᠡᠭᠦᠯᠭᠡᠵᠥ᠂ 18507 ᠰᠠᠭᠤᠷᠢ ᠪᠣᠴᠠᠭᠠᠨ ᠨᠡᠭᠦᠯᠭᠡᠭᠰᠡᠨ ᠠᠰᠡᠷ᠂ 960 ᠰᠠᠭᠤᠷᠢ ᠨᠠᠶᠢᠳᠡ ᠶᠢᠨ ᠲᠥᠷᠢᠶᠡᠰᠣᠨ | ᠬᠡᠷ ᠤᠨ ᠪᠥᠳᠥᠭᠡᠨ ᠪᠠᠶᠢᠭᠤᠯᠤᠯᠲᠠ ᠶᠢᠨ ᠠᠵᠢᠯ ᠡᠬᠢᠯᠡᠵᠦ᠂ ᠤᠷᠤᠨ ᠰᠠᠭᠤᠴᠠ ᠶᠢᠨ ᠨᠦᠭᠦᠴᠡᠯ ᠢ ᠰᠠᠶᠢᠵᠢᠷᠠᠭᠤᠯᠪᠠ | ᠃ | ᠨᠡᠶᠢᠭᠡᠮ ᠤᠨ ᠬᠠᠮᠢᠶᠠᠷᠣᠯᠳᠠ ᠶᠢᠨ ᠬᠢᠷᠢ ᠲᠥᠪᠰᠢᠨ ᠪᠥᠬᠦ ᠲᠠᠯ᠎ᠠ ᠪᠠᠷ ᠲᠡᠭᠡᠭᠰᠢᠯᠡᠵᠡᠢ᠃ 5000 ᠲᠥᠮᠡᠨ | ᠲᠥᠭᠦᠷᠢᠭ ᠵᠠᠷᠣᠴᠠᠭᠤᠯᠵᠥ ᠨᠡᠶᠢᠭᠡᠮ ᠲᠤᠭᠤᠷᠢᠭ ᠤᠨ ᠠᠵᠢᠯᠯᠠᠭᠠᠨ ᠤ ᠭᠠᠵᠠᠷ ᠢ ᠪᠠᠷᠢᠮᠵᠢᠶ᠎ᠠ ᠳᠤ ᠬᠦᠷᠭᠡᠭᠰᠡᠨ ᠪᠠᠶᠢᠨ᠎ᠠ | ᠃ ᠨᠡᠶᠢᠭᠡᠮ ᠤᠨ ᠵᠥᠷᠢᠴᠡᠯ ᠵᠢᠭᠤᠷᠠᠭᠠᠨ ᠢ ᠪᠠᠶᠢᠴᠠᠭᠠᠨ ᠡᠶᠡᠳᠡᠭᠦᠯᠵᠦ᠂ ᠣᠯᠠᠨ ᠲᠥᠮᠡᠨ ᠤ ᠵᠠᠬᠢᠳᠡᠯ ᠰᠣᠷᠪᠣᠯᠵᠢᠯᠠᠭ᠎ᠠ | ᠬᠢᠬᠦ ᠶᠢ ᠬᠠᠷᠰᠢ ᠰᠠᠭᠠᠳ ᠦᠭᠡᠢ ᠪᠣᠯᠭᠠᠭᠰᠠᠨ ᠪᠠᠶᠢᠨ᠎ᠠ᠃ ᠠᠮᠣᠷ ᠠᠮᠤᠭᠤᠯᠠᠩ ᠨᠡᠶᠢᠭᠡᠮ ᠢ ᠴᠣᠭᠴᠠᠯᠠᠨ ᠪᠠᠶᠢᠭᠤᠯᠬᠤ | ᠠᠵᠢᠯᠯᠠᠭ᠎ᠠ ᠶᠢ ᠯᠠᠪᠳᠠᠭᠤᠨ ᠥᠷᠨᠢᠭᠦᠯᠵᠥ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠳᠣᠷᠢᠳᠣᠯᠭ᠎ᠠ ᠶᠢᠨ | ᠲᠤᠭᠤᠷᠢᠨ ᠪᠠᠶᠢᠴᠠᠭᠠᠬᠤ᠂ ᠴᠢᠬᠤᠯᠠ ᠶᠡᠭᠡ ᠠᠵᠢᠯᠯᠠᠭ᠎ᠠ ᠵᠡᠷᠭᠡ ᠠᠮᠤᠷ ᠲᠥᠪᠰᠢᠨ ᠤ ᠬᠠᠮᠠᠭᠠᠯᠠᠯᠳᠠ ᠶᠢᠨ ᠠᠵᠢᠯ ᠢ | ᠠᠮᠵᠢᠯᠳᠡ ᠲᠠᠢ ᠪᠡᠶᠡᠯᠡᠭᠦᠯᠪᠡ᠃ ᠪᠠᠴᠢᠮ ᠠᠷᠭᠠᠴᠠᠬᠤ ᠬᠡᠷᠡᠭ ᠶᠠᠪᠤᠳᠠᠯ ᠪᠠ ᠪᠠᠶᠢᠭᠠᠯᠢ ᠶᠢᠨ ᠭᠠᠢ ᠭᠠᠮᠰᠢᠭ ᠢ | ᠵᠣᠬᠢᠰᠲᠠᠢ ᠰᠶᠢᠳᠪᠥᠷᠢᠯᠡᠵᠥ᠂ ᠣᠨᠴᠠ ᠶᠡᠭᠡ ᠠᠮᠣᠷ ᠲᠥᠪᠰᠢᠨ ᠤ ᠠᠳᠡᠯ ᠭᠠᠷᠣᠭᠰᠡᠨ ᠥᠭᠡᠢ᠃ ︽ᠪᠦᠭᠦ ᠤᠯᠤᠰ | ᠤᠨ ᠬᠤᠶᠠᠷ ᠢ ᠬᠦᠷᠢᠶᠡᠯᠡᠭᠦ ᠵᠢᠱᠢᠶᠡᠴᠢ ᠬᠤᠳᠠ︾ ᠶᠢ ᠠᠮᠵᠢᠯᠳᠠ ᠲᠠᠢ ᠪᠠᠷ ᠳᠠᠬᠢᠨ ᠡᠭᠦᠳᠦᠭᠰᠡᠨ ᠪᠠᠶᠢᠨ᠎ᠠ᠃ | ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠣᠷ ᠲᠥᠪᠰᠢᠨ ᠤ ᠬᠠᠮᠢᠶᠠᠷᠣᠯᠳᠠ ᠶᠢᠨ ᠬᠥᠴᠥᠯᠡᠴᠡ ᠶᠢ ᠲᠠᠰᠣᠷᠠᠯᠳᠠ | ᠥᠭᠡᠢ ᠨᠡᠮᠡᠭᠲᠡᠭᠦᠯᠦᠨ᠂ ᠲᠤᠭ᠎ᠠ ᠪᠥᠷᠢᠳᠭᠡᠯ ᠬᠢᠨᠡᠨ ᠪᠤᠳᠣᠯᠳᠠ᠂ ᠥᠢᠯᠡᠳᠪᠥᠷᠢ ᠬᠤᠳᠠᠯᠳᠤᠭ᠎ᠠ ᠪᠤᠳᠠᠰ ᠤᠨ ᠥᠨ᠎ᠡ | ᠬᠠᠩᠰᠢ᠂ ᠥᠨᠳᠥᠰᠥᠲᠡᠨ ᠱᠠᠰᠢᠨ ᠰᠣᠷᠲᠠᠬᠤᠨ᠂ ᠲᠠᠩᠰᠠ ᠡᠪᠬᠡᠮᠡᠯ ᠲᠡᠣᠬᠡ ᠴᠠᠳᠢᠭ᠂ ᠡᠮᠡᠭᠳᠡᠶᠢᠴᠥᠳ ᠪᠠ | ᠪᠠᠭᠠᠴᠤᠳ᠂ ᠵᠡᠮᠳᠡᠭᠴᠤᠳ ᠢ ᠬᠠᠪᠰᠣᠷᠣᠨ ᠲᠡᠮᠵᠢᠬᠦ ᠵᠡᠷᠭᠡ ᠡᠯ᠎ᠡ ᠵᠦᠢᠯ ᠤᠨ ᠠᠵᠢᠯ ᠴᠦᠮ ᠰᠢᠨ᠎ᠡ ᠠᠮᠵᠢᠯᠳᠠ | ᠤᠯᠤᠭᠰᠠᠨ ᠪᠠᠶᠢᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠯᠠᠪᠳᠠᠭᠤᠨ ᠪᠠᠳᠣᠲᠠᠢ ᠠᠬᠢᠭᠤᠯᠵᠤ᠂ ᠭᠥᠭᠵᠢᠯᠲᠡ ᠶᠢᠨ ᠣᠷᠴᠢᠨ | ᠢ ᠨᠡᠩ ᠰᠢᠯᠢᠳᠡᠭᠵᠢᠭᠦᠯᠪᠡ᠃ 164 ᠥᠭᠡᠷᠡᠴᠢᠯᠡᠯᠲᠡ ᠶᠢᠨ ᠲᠥᠷᠦᠯ ᠵᠦᠢᠯ ᠢ ᠬᠡᠷᠡᠭᠵᠢᠭᠦᠯᠵᠦ᠂ 130 ᠵᠦᠢᠯ ᠨᠢ | ᠦᠷ᠎ᠡ ᠪᠦᠳᠦᠮᠵᠢ ᠣᠯᠪᠠ᠃ ᠰᠢᠨ᠎ᠡ ᠨᠢᠭᠡ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠠᠮᠵᠢᠯᠲᠠ ᠲᠠᠢ ᠲᠡᠭᠦᠰᠴᠦ᠂ ᠵᠠᠰᠠᠭ ᠤᠨ ᠣᠷᠳᠣᠨ ᠤ ᠴᠢᠳᠠᠪᠬᠢ ᠶᠢᠨ ᠦᠷ᠎ᠡ ᠪᠦᠳᠦᠮᠵᠢ ᠢᠯᠡ | ᠲᠣᠳᠣ ᠪᠣᠯᠣᠭᠰᠠᠨ ᠪᠠᠶᠢᠨ᠎ᠠ᠃ ᠠᠮᠢ ᠠᠬᠤᠢ ᠶᠢᠨ ᠪᠣᠯᠪᠠᠰᠣᠨ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ | ᠰᠣᠶᠣᠯ ᠰᠣᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡᠨ | ᠵᠡᠷᠭᠡ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠠᠬᠢᠯᠲᠠ ᠲᠠᠢ ᠪᠣᠯᠪᠠ᠃ ᠵᠠᠰᠠᠭ ᠵᠠᠬᠢᠷᠭᠠᠨ ᠤ ᠠᠵᠢᠯᠯᠠᠭ᠎ᠠ ᠶᠢ | ᠲᠦᠷᠢᠮᠵᠢᠭᠦᠯᠬᠦ ᠪᠠ ᠡᠳ᠋ ᠤᠨ ᠵᠠᠰᠠᠭ ᠤᠨ ᠠᠵᠦ ᠠᠬᠤᠢ ᠶᠢᠨ ᠰᠠᠬᠢᠯᠭ᠎ᠠ ᠪᠠᠳᠣ ᠶᠢ ᠴᠢᠩᠭᠠᠳᠬᠠᠬᠤ ᠲᠤᠭᠤᠷᠢᠨ ᠳᠤ | ᠭᠤᠴᠢ ᠰᠢᠬᠠᠮ ᠵᠦᠢᠯ ᠤᠨ ᠲᠦᠷᠢᠮ ᠲᠣᠭᠲᠠᠭᠠᠯ ᠠᠷᠭ᠎ᠠ ᠪᠣᠳᠣᠯᠭ᠎ᠠ ᠶᠢ ᠲᠤᠭᠲᠠᠭᠠᠨ ᠨᠡᠶᠢᠲᠡᠯᠡᠵᠦ᠂ ᠵᠠᠰᠠᠭ ᠤᠨ | ᠣᠷᠳᠣᠨ ᠤ ᠠᠵᠢᠯ ᠤᠨ ᠬᠠᠣᠯᠢᠵᠢᠯᠠᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠂ ᠣᠯᠣᠰ ᠤᠨ ᠬᠠᠣᠯᠢ | ᠲᠥᠭᠡᠮᠡᠯᠵᠢᠭᠦᠯᠬᠦ ᠠᠯᠪᠠᠨ ᠭᠡᠷ ᠠᠴᠠ ︽ᠪᠦᠬᠦ ᠣᠯᠣᠰ ᠤᠨ ᠬᠠᠣᠯᠢ ᠪᠠᠷ ᠵᠠᠰᠠᠬᠤ ᠰᠢᠶᠠᠨ ︵ᠬᠤᠲᠠ ᠲᠤᠭᠤᠷᠢᠭ︶ ᠢ | ᠴᠣᠭᠴᠠᠯᠠᠨ ᠪᠠᠶᠢᠭᠤᠯᠬᠤ ᠠᠵᠢᠯᠯᠠᠭ᠎ᠠ ᠶᠢᠨ ᠲᠡᠷᠢᠭᠦᠨ ᠤ ᠨᠢᠭᠡᠴᠡ︾ ᠶᠢᠨ ᠢᠷᠠᠭᠤ ᠠᠯᠳᠠᠷ ᠢ ᠬᠦᠷᠲᠡᠭᠡᠭᠰᠡᠨ ᠪᠠᠶᠢᠨ᠎ᠠ | ᠃ ᠭᠠᠳᠠᠭᠠᠳᠣ ᠲᠠᠢ ᠬᠠᠷᠢᠯᠴᠠᠬᠤ ᠶᠢ ᠴᠢᠩᠭᠠᠳᠬᠠᠵᠣ᠂ ᠮᠣᠩᠭᠤᠯ ᠣᠯᠣᠰ ᠤᠨ ᠣᠯᠠᠭᠠᠨᠪᠠᠭᠠᠳᠣᠷ ᠬᠤᠲᠠ ᠶᠢᠨ | ᠬᠠᠭ᠋ᠠᠭᠤᠯᠠ ᠲᠤᠭᠤᠷᠢᠭ᠂ ᠴᠣᠶᠢᠪᠠᠯᠰᠠᠩ ᠬᠤᠲᠠ ᠲᠠᠢ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠪᠠ᠃ | ᠲᠥᠷᠦᠯ ᠵᠦᠢᠯ ᠢ ᠢᠳᠡᠪᠬᠢᠲᠠᠢ ᠵᠣᠯᠭᠠᠯᠳᠣᠭᠤᠯᠵᠦ᠂ ᠣᠷᠣᠨ ᠤ ᠲᠣᠲᠣᠨᠠ ᠭᠠᠳᠠᠨᠠᠬᠢ ᠪᠡᠯᠡ ᠮᠦᠩᠭᠦ ᠶᠢ 537 | ᠳ᠋ᠦᠩᠰᠢᠭᠤᠷ ᠲᠥᠭᠦᠷᠢᠭ ᠲᠠᠳᠠᠨ ᠣᠷᠣᠭᠤᠯᠵᠣ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠬᠢ ᠠᠴᠠ 2 ᠲᠠᠬᠢᠨ | ᠳᠤ ᠬᠦᠷᠭᠡᠵᠦ᠂ ᠵᠢᠯ ᠪᠦᠷᠢ ᠲᠤᠮᠳᠠᠴᠢ ᠪᠠᠷ 13.8% ᠪᠠᠷ ᠨᠡᠮᠡᠭᠳᠡᠪᠡ᠃ ᠡᠯ᠎ᠡ ᠲᠥᠷᠦᠯ ᠤᠨ ᠪᠡᠯᠡ ᠮᠥᠩᠭᠦ | 105.4 ᠳ᠋ᠦᠩᠰᠢᠭᠤᠷ ᠲᠥᠭᠦᠷᠢᠭ ᠡᠷᠡᠮᠡᠯᠵᠡᠯᠡᠨ ᠣᠯᠣᠭᠠᠳ᠂ ᠡᠯ᠎ᠡ ᠲᠥᠷᠦᠯ ᠤᠨ ᠭᠤᠤᠯᠳᠠᠯᠭ᠎ᠠ ᠲᠠᠢ ᠠᠵᠢᠯ ᠢ | ᠣᠷᠣᠭᠰᠢᠲᠠᠢ ᠲᠦᠯᠬᠢᠨ ᠠᠬᠢᠭᠤᠯᠣᠭᠰᠠᠨ ᠪᠠᠶᠢᠨ᠎ᠠ᠃ | ᠲᠥᠯᠦᠭᠡᠯᠡᠭᠴᠢᠳ ᠡ᠂ 2015 ᠣᠨ ᠪᠣᠯ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠦᠪᠵᠢᠭᠦᠯᠦᠯᠭᠡ︾ | ᠶᠢᠨ ᠰᠡᠭᠦᠯᠴᠢ ᠶᠢᠨ ᠵᠢᠯ ᠪᠣᠯᠬᠤ ᠶᠤᠮ᠃ ᠡᠨᠡ ᠨᠢᠭᠡᠨ ᠵᠢᠯ᠂ ᠪᠢᠳᠡ ᠰᠠᠨᠠᠭᠠᠴᠢᠯᠠᠭ᠎ᠠ ᠠᠴᠠ ᠪᠠᠨ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠯᠤᠭ᠎ᠠ ᠵᠤᠬᠢᠴᠠᠨ᠂ ᠨᠡᠮᠡᠭᠳᠡᠯ ᠶᠢ ᠬᠦᠴᠦᠯᠡᠨ ᠪᠠᠲᠤᠯᠠᠵᠤ᠂ | ᠬᠡᠯᠪᠡᠷᠢ ᠶᠢ ᠬᠤᠪᠢᠷᠠᠭᠤᠯᠤᠨ᠂ ᠥᠭᠡᠷᠡᠴᠢᠯᠡᠯᠲᠡ ᠶᠢ ᠴᠢᠩᠭ᠎ᠠ ᠠᠳᠬᠤᠵᠤ᠂ ᠠᠷᠠᠳ ᠲᠤ ᠠᠰᠢᠭ ᠬᠦᠷᠲᠡᠭᠡᠨ᠂ | ᠵᠢᠯ ᠤᠨ ᠡᠬᠢᠨ ᠳᠤ ᠲᠣᠭᠲᠠᠭᠠᠭᠰᠠᠨ ᠡᠯ᠎ᠡ ᠲᠥᠷᠦᠯ ᠦᠨᠠᠵᠢᠯ ᠤᠨ ᠡᠬᠦᠷᠭᠡ ᠬᠠᠷᠠᠯᠲᠠ ᠪᠠᠨ ᠤᠷᠤᠭᠰᠢᠲᠠᠢ | ᠪᠡᠶᠡᠯᠡᠭᠦᠯᠵᠦ᠂ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠦᠪᠵᠢᠭᠦᠯᠦᠯᠭᠡ︾ ᠶᠢ ᠠᠮᠵᠢᠯᠲᠠ ᠲᠠᠢ ᠪᠡᠶᠡᠯᠡᠭᠦᠯᠪᠡ | ᠃ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠥᠰᠦᠯᠲᠡ 7.5 %᠂ ᠪᠥᠬᠦ ᠨᠡᠶᠢᠭᠡᠮ ᠤᠨ | ᠲᠣᠭᠳᠠᠮᠠᠯ ᠬᠥᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ 12.5 %᠂ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠦᠪ ᠤᠨ ᠣᠷᠤᠯᠭ᠎ᠠ ᠶᠢᠨ ᠨᠡᠮᠡᠭᠳᠡᠯ 7.8 %᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ | ᠪᠣᠷᠤᠯᠠᠭᠤᠯᠬᠤ ᠶᠡᠷᠦᠩᠬᠡᠢ ᠥᠷᠳᠡᠭ ᠤᠨ ᠨᠡᠮᠡᠭᠳᠡᠯ 7.7 %᠂ ᠬᠤᠲᠠ ᠬᠥᠳᠡᠭᠡᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠡᠵᠡᠮᠳᠡᠵᠦ ᠪᠣᠯᠬᠤᠶᠢᠴᠠ ᠣᠷᠤᠯᠭ᠎ᠠ ᠶᠢᠨ ᠨᠡᠮᠡᠭᠳᠡᠯ ᠲᠤᠰᠪᠤᠷᠢ 9%᠂ 8.4% ᠳᠤ | ᠬᠦᠷᠪᠡ᠃ | ᠨᠢᠭᠡᠳᠦᠭᠡᠷ ᠲᠤ᠂ ᠭᠤᠷᠪᠠᠨ ᠠᠵᠤ ᠦᠢᠯᠡᠰ ᠢ ᠵᠤᠬᠢᠴᠠᠩᠭᠤᠢ ᠬᠥᠭᠵᠢᠭᠦᠯᠪᠡ᠃ ᠠᠵᠤ ᠠᠬᠤᠢ ᠶᠢᠨ | ᠡᠷᠬᠢᠯᠲᠡ ᠶᠢᠨ ᠲᠣᠬᠢᠷᠠᠭᠤᠯᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠤᠨ᠂ | ᠪᠥᠲᠦᠴᠡ ᠶᠢ ᠲᠤᠬᠢᠷᠠᠭᠤᠯᠬᠤ ᠵᠡᠷᠭᠡ ᠡᠯ᠎ᠡ ᠲᠥᠷᠦᠯ ᠤᠨ ᠲᠥᠷᠦ ᠶᠢᠨ ᠪᠣᠳᠤᠯᠭ᠎ᠠ ᠶᠢᠨ ᠠᠷᠭ᠎ᠠ ᠠᠪᠴᠠᠯ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠡᠷᠬᠢᠯᠲᠡ ᠶᠢᠨ ᠶᠡᠷᠦᠩᠬᠡᠢ ᠴᠣᠭᠴᠠ ᠶᠢᠨ ᠲᠤᠭᠳᠠᠭᠤᠨ ᠢ | ᠪᠠᠳᠣᠯᠠᠵᠣ᠂ ᠯᠠᠪᠳᠠᠭᠤᠨ ᠠᠬᠢᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯ ᠤᠨ | ᠡᠬᠢᠯᠡᠯᠲᠡ᠂ ᠰᠡᠷᠭᠦᠯᠲᠡ ᠶᠢᠨ ᠨᠤᠷᠮ᠎ᠠ 95 % ᠶᠢ ᠬᠡᠳᠦᠷᠴᠦ᠂ 170 ᠳ᠋ᠦᠩᠰᠢᠭᠤᠷ ᠲᠥᠭᠦᠷᠢᠭ ᠤᠨ | ᠦᠢᠯᠡᠳᠪᠦᠷᠢᠯᠡᠯ ᠤᠨ ᠥᠷᠳᠡᠭ ᠢ ᠪᠡᠶᠡᠯᠡᠭᠦᠯᠪᠡ᠃ ᠮᠠᠰᠢᠨ ᠲᠣᠨᠣᠭᠯᠠᠯ ᠦᠢᠯᠡᠳᠬᠦ ᠦᠢᠯᠡᠰ ᠥᠳᠲᠡᠷ ᠲᠦᠷᠭᠡᠨ | ᠬᠥᠭᠵᠢᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠵᠠᠭᠤᠨ ᠤ ᠳᠥᠷᠪᠡ ᠪᠠᠷ ᠲᠡᠭᠡᠭᠰᠢᠯᠡᠭᠦᠯᠪᠡ᠃ | ᠴᠠᠬᠢᠯᠭᠠᠨ ᠡᠬᠢ ᠰᠣᠷᠪᠤᠯᠵᠢ ᠶᠢᠨ ᠰᠠᠭᠤᠷᠢᠨ ᠭᠠᠵᠠᠷ ᠤᠨ ᠲᠥᠷᠦᠯ ᠵᠦᠢᠯ ᠯᠣᠳᠣ ᠶᠡᠭᠡ ᠠᠬᠢᠴᠠ ᠲᠠᠢ ᠪᠠᠶᠢᠵᠤ᠂ | ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠮᠤᠵᠢ ᠶᠢᠨ ᠵᠢᠨᠠᠨ ᠬᠤᠲᠠ ᠬᠦᠷᠬᠦ ᠣᠨᠴᠠ ᠥᠨᠳᠦᠷ ᠬᠦᠴᠦᠳᠡᠯᠲᠦ | ᠴᠠᠬᠢᠯᠭᠠᠨ ᠢ ᠭᠠᠳᠠᠭᠰᠢ ᠬᠦᠷᠭᠡᠬᠦ ᠲᠥᠷᠦᠯ ᠵᠦᠢᠯ ᠪᠤᠯᠤᠨ ᠱᠧᠨ ᠬᠤᠸᠠ᠂ ᠳ᠋ᠠ ᠲᠠᠩ᠂ ᠤᠮᠠᠷᠠᠲᠦ ᠶᠢᠨ ᠴᠠᠬᠢᠯᠭᠠᠨ | ᠬᠦᠴᠦ᠂ ᠮᠧᠩ ᠨᠡᠩ ᠵᠡᠷᠭᠡ 4 ᠠᠭᠤᠷᠬᠠᠢ ᠶᠢᠨ ᠣᠷᠣᠨ ᠤ ᠴᠠᠬᠢᠯᠭᠠᠨ ᠦᠢᠯᠡᠳᠪᠦᠷᠢ ᠶᠢᠨ ᠲᠥᠷᠦᠯ ᠵᠦᠢᠯ ᠠᠵᠢᠯ | ᠡᠬᠢᠯᠡᠭᠦᠯᠪᠡ᠃ ᠰᠢᠯᠢ ᠶᠢᠨ ᠭᠤᠣᠯ ᠠᠶᠢᠮᠠᠭ ᠠᠴᠠ ᠵᠢᠶᠠᠩᠰᠤ ᠮᠤᠵᠢ ᠶᠢᠨ ᠲᠠᠶᠢᠵᠸᠦ ᠬᠤᠲᠠ ᠬᠦᠷᠬᠦ ᠣᠨᠴᠠ | ᠥᠨᠳᠦᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠲᠥᠷᠦᠯ ᠵᠦᠢᠯ ᠨᠢ ᠬᠡᠷᠡᠭᠵᠢᠭᠦᠯᠦᠯᠲᠡ ᠶᠢᠨ ᠬᠢᠨᠠᠨ | ᠵᠥᠪᠰᠢᠶᠡᠷᠡᠯ ᠣᠯᠪᠠ᠃ ᠳ᠋ᠠ ᠵᠤᠸᠠᠩ ᠶᠤᠸᠠᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠦᠨ | ᠪᠣᠯᠪᠠᠰᠤᠷᠠᠭᠤᠯᠬᠤ ᠲᠥᠷᠦᠯ ᠵᠦᠢᠯ ᠦᠨᠳᠦᠰᠦᠨ ᠳᠡᠭᠡᠨ ᠪᠠᠶᠢᠭᠤᠯᠤᠯᠲᠠ ᠳᠠᠭᠤᠰᠤᠨ᠂ ᠱᠠᠩᠬᠠᠢ ᠶᠢᠨ ᠴᠠᠬᠢᠯᠭᠠᠨ | ᠡᠨᠧᠷᠬᠢ ᠶᠢᠨ ᠮᠠᠰᠢᠨ ᠲᠣᠨᠤᠭᠯᠠᠯ ᠦᠢᠯᠡᠳᠬᠦ᠂ ᠮᠢᠩ ᠶᠠᠩ ᠰᠢᠨ᠎ᠡ ᠡᠨᠧᠷᠬᠢ ᠶᠢᠨ ᠰᠤᠷᠪᠤᠯᠵᠢ ᠶᠢᠨ ᠮᠠᠰᠢᠨ | ᠲᠣᠨᠤᠭᠯᠠᠯ ᠦᠢᠯᠡᠳᠬᠦ᠂ ᠨᠢᠰᠬᠦ ᠤᠩᠭᠤᠴᠠ ᠦᠢᠯᠡᠳᠪᠦᠷᠢᠯᠡᠬᠦ ᠵᠡᠷᠭᠡ ᠲᠥᠷᠦᠯ ᠵᠦᠢᠯ ᠢ ᠢᠳᠡᠪᠬᠢᠲᠠᠢ ᠲᠦᠯᠬᠢᠨ | ᠠᠬᠢᠭᠤᠯᠵᠤ᠂ ᠠᠵᠤ ᠠᠬᠤᠢ ᠶᠢᠨ ᠰᠢᠨ᠎ᠡ ᠥᠰᠦᠯᠲᠡ ᠶᠢᠨ ᠴᠡᠭ ᠢ ᠪᠤᠢ ᠪᠤᠯᠭᠠᠬᠤ ᠶᠢ ᠲᠦᠷᠬᠡᠳᠬᠡᠭᠰᠡᠨ ᠪᠠᠶᠢᠨ᠎ᠠ᠃ | ᠮᠠᠯ ᠤᠨ ᠭᠠᠷᠭᠠᠯᠲᠠ ᠶᠢᠨ ᠲᠤᠭ᠎ᠠ 105 ᠲᠥᠮᠡᠨ ᠲᠣᠯᠤᠭᠠᠢ ᠳᠤ ᠬᠦᠷᠴᠦ᠂ ᠡᠳ᠋ᠰᠢᠭᠦᠯᠦᠭᠰᠡᠨ ᠮᠠᠯ ᠤᠨ ᠲᠤᠭ᠎ᠠ | 260 ᠲᠥᠮᠡᠨ ᠲᠣᠯᠤᠭᠠᠢ ᠳᠤ ᠬᠦᠷᠪᠡ᠃ ᠠᠵᠤ ᠠᠬᠤᠶᠢᠯᠠᠯ ᠪᠤᠯᠤᠨ ᠮᠠᠯᠴᠢᠳ ᠤᠨ ᠠᠰᠢᠭ ᠲᠤᠰᠠ ᠶᠢᠨ | ᠬᠤᠯᠪᠤᠭᠠᠲᠦ ᠵᠤᠬᠢᠴᠠᠮᠵᠢ ᠶᠢ ᠲᠡᠭᠦᠯᠳᠡᠷᠵᠢᠭᠦᠯᠵᠦ᠂ 10 ᠲᠦᠮᠡᠨ ᠲᠣᠯᠤᠭᠠᠢ ᠬᠤᠨᠢᠨ ᠤ ᠲᠠᠸᠠᠷᠴᠢᠯᠠᠯᠲᠠ ᠶᠢᠨ | ᠪᠦᠬᠦᠶᠢᠯᠡ ᠶᠠᠪᠣᠴᠠ ᠶᠢ ᠡᠵᠡᠮᠳᠡᠵᠦ᠂ ᠰᠢᠯᠢᠳᠡᠭ ᠴᠢᠨᠠᠷ ᠤᠨ ᠥᠨᠳᠦᠷ ᠦᠨ᠎ᠡ ᠶᠢ ᠪᠠᠲᠤᠯᠠᠵᠦ ᠴᠢᠳᠠᠪᠠ᠃ ᠠᠮᠤ | ᠪᠤᠳᠠᠭ᠎ᠠ ᠪᠣᠯᠣᠨ ᠢᠳᠡᠰᠢᠨ ᠨᠣᠭᠤᠭᠠᠨ ᠤ ᠤᠨᠠᠯᠲᠠ 8.6 ᠲᠥᠮᠡᠨ ᠲᠣᠨ ᠬᠦᠷᠴᠦ᠂ ᠲᠤᠰ ᠭᠠᠵᠠᠷ ᠣᠷᠤᠨ ᠤ | ᠥᠪᠡᠷ ᠤᠨ ᠬᠠᠩᠭᠠᠯᠲᠠ ᠶᠢᠨ ᠨᠤᠷᠮ᠎ᠠ ᠶᠢ ᠲᠡᠭᠡᠭᠰᠢᠯᠡᠭᠦᠯᠪᠡ᠃ ᠡᠯᠧᠺᠲᠷᠤᠨ ᠬᠤᠳᠠᠯᠳᠤᠭᠠᠨ ᠤ ᠦᠢᠯᠡᠰ ᠥᠷᠨᠢᠭᠦᠨ | ᠬᠥᠭᠵᠢᠵᠦ᠂ 3 ᠡᠯᠧᠺᠲᠷᠤᠨ ᠬᠤᠳᠠᠯᠳᠤᠭᠠᠨ ᠤ ᠲᠠᠪᠴᠠᠩ ᠡᠵᠡᠩᠨᠡᠯᠲᠡ ᠶᠢᠨ ᠠᠵᠢᠯᠯᠠᠭ᠎ᠠ ᠶᠠᠪᠤᠭᠳᠠᠭᠤᠯᠤᠨ᠂ ᠠᠵᠤ | ᠦᠢᠯᠡᠰ ᠤᠨ ᠳᠠᠶᠢᠴᠢᠯᠠᠨ ᠳᠠᠭᠠᠭᠤᠯᠬᠤ ᠦᠢᠯᠡᠳᠦᠯ ᠢᠯᠡ ᠲᠤᠳᠤ ᠪᠣᠯᠪᠠ᠃ ᠰᠢᠶᠠᠨ ᠳ᠋ᠠᠢ᠂ ᠠᠨ ᠺᠤᠸᠠᠢ᠂ ᠲᠢᠶᠠᠨ | ᠡᠾᠧᠩ᠂ ᠮᠢᠨ ᠡᠾᠧ ᠵᠡᠷᠬᠡ ᠪᠤᠳᠠᠰ ᠤᠨ ᠭᠦᠢᠯᠭᠡᠭᠡᠨ ᠤ ᠬᠦᠷᠢᠶᠡᠯᠡᠩ ᠢ ᠰᠢᠯᠢᠳᠡᠭᠵᠢᠭᠦᠯᠦᠨ ᠨᠢᠭᠡᠳᠬᠡᠵᠦ᠂ | ᠬᠡᠯᠪᠡᠷᠢ ᠶᠢᠨ ᠬᠤᠪᠢᠷᠠᠯᠲᠠ᠂ ᠲᠡᠰ ᠳᠠᠪᠰᠢᠯᠲᠠ ᠶᠢᠨ ᠠᠵᠢᠯ ᠢ ᠤᠷᠤᠭᠰᠢᠲᠠᠢ ᠲᠦᠯᠬᠢᠨ ᠠᠬᠢᠭᠤᠯᠪᠠ᠃ ᠠᠳᠤᠭᠤᠨ | ᠰᠤᠶᠤᠯ ᠤᠨ ᠲᠦᠪ ᠤᠨ ᠠᠭᠤᠳᠠᠮ ᠲᠠᠯᠠᠪᠠᠢ᠂ ᠬᠡᠭᠡᠷ᠎ᠡ ᠶᠢᠨ ᠠᠮᠢᠲᠠᠨ ᠣᠷᠭᠤᠮᠠᠯ ᠰᠤᠨᠢᠷᠬᠠᠬᠤ ᠬᠦᠷᠢᠶᠡᠯᠡᠩ᠂ | ᠰᠢᠯᠢ ᠶᠢᠨ ᠭᠤᠣᠯ ᠤᠨ ᠲᠠᠯ᠎ᠠ ᠨᠤᠲᠤᠭ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ | ᠦᠢᠯᠡᠴᠢᠯᠡᠭᠡᠨ ᠤ ᠦᠢᠯᠡᠰ ᠤᠨ ᠲᠥᠷᠦᠯ ᠵᠦᠢᠯ ᠢ ᠢᠳᠡᠪᠬᠢᠲᠠᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ | ᠤᠷᠤᠯᠭ᠎ᠠ 60 ᠳ᠋ᠦᠩᠰᠢᠭᠤᠷ ᠲᠥᠭᠦᠷᠢᠭ ᠢ ᠳᠠᠪᠠᠪᠠ᠃ | ᠬᠤᠶᠠᠳᠤᠭᠠᠷ ᠲᠤ᠂ ᠬᠤᠲᠠ ᠬᠥᠳᠡᠭᠡᠨ ᠤ ᠳᠦᠷᠢ ᠲᠥᠷᠬᠦ ᠢᠯᠡᠳᠲᠠ ᠬᠤᠪᠢᠷᠠᠯᠲᠠ ᠲᠠᠢ ᠪᠣᠯᠪᠠ᠃ | ᠳᠠᠪᠰᠢᠩᠭᠤᠢ ᠬᠤᠲᠠ ᠪᠠᠷ ᠳᠠᠭᠤᠷᠢᠶᠠᠯ ᠪᠣᠯᠭᠠᠨ᠂ ᠦᠨᠳᠦᠷ ᠡᠬᠢᠯᠡᠯᠲᠡ ᠶᠢᠨ ᠴᠡᠭ ᠢᠶᠠᠷ ᠲᠥᠯᠦᠪᠵᠢᠭᠦᠯᠵᠤ᠂ | ᠥᠨᠳᠦᠷ ᠪᠠᠷᠢᠮᠵᠢᠶ᠎ᠠ ᠪᠠᠷ ᠪᠠᠶᠢᠭᠤᠯᠤᠨ᠂ ᠦᠨᠳᠦᠷ ᠦᠷ᠎ᠡ ᠠᠰᠢᠭᠯᠠᠮᠵᠢ ᠪᠠᠷ ᠬᠠᠮᠢᠶᠠᠷᠤᠯᠲᠠ ᠬᠢᠬᠦ ᠶᠢ ᠪᠠᠷᠢᠮᠳᠠᠯᠠᠵᠤ᠂ | ᠡᠳ᠋ ᠤᠨ ᠵᠠᠰᠠᠭ ᠠᠴᠠ 13.6 ᠳ᠋ᠦᠩᠰᠢᠭᠤᠷ ᠲᠥᠭᠦᠷᠢᠭ ᠤᠨ ᠪᠥᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠨ᠂ | ᠠᠶᠢᠮᠠᠭ ᠤᠨ ᠲᠥᠪ ᠬᠤᠲᠠ ᠶᠢᠨ ᠪᠥᠬᠦᠯᠢ ᠴᠤᠭᠴᠠ ᠶᠢᠨ ᠬᠡᠪ ᠲᠦᠷᠰᠦ ᠶᠢ ᠪᠥᠲᠦᠮᠵᠢᠲᠠᠢ ᠲᠡᠭᠡᠭᠰᠢᠯᠡᠭᠦᠯᠦᠭᠰᠡᠨ | ᠪᠠᠶᠢᠨ᠎ᠠ᠃ 3 ᠵᠤᠷᠪᠤᠰ ᠭᠤᠣᠯ ᠵᠡᠭᠡᠯᠢ ᠭᠤᠳᠤᠮᠵᠢ ᠪᠤᠯᠤᠨ 42 ᠪᠠᠷᠠᠭᠤᠨ ᠮᠦᠷ ᠲᠠᠭᠠᠣ ᠮᠣᠷᠣᠶᠢᠬᠤ ᠲᠡᠷᠭᠡᠨ ᠵᠠᠮ ᠢ | ᠥᠷᠬᠡᠳᠬᠡᠨ ᠪᠠᠶᠢᠭᠤᠯᠵᠤ᠂ 3 ᠵᠤᠷᠪᠤᠰ ᠭᠤᠣᠯ ᠵᠠᠮ ᠢ ᠨᠡᠪᠲᠡᠷᠡᠭᠦᠯᠦᠨ᠂ ᠬᠤᠲᠠ ᠲᠤᠭᠤᠷᠢᠭ ᠤᠨ ᠵᠠᠮ | ᠨᠡᠪᠲᠡᠷᠡᠭᠦᠯᠭᠡ ᠶᠢᠨ ᠴᠢᠳᠠᠮᠵᠢ ᠶᠢ ᠲᠡᠭᠡᠭᠰᠢᠯᠡᠭᠦᠯᠦᠭᠰᠡᠨ ᠪᠠᠶᠢᠨ᠎ᠠ᠃ 63 ᠲᠦᠮᠡᠨ ᠲᠡᠭᠰᠢ ᠲᠥᠷᠪᠡᠯᠵᠢᠨ ᠮᠧᠲᠷ | ᠶᠠᠪᠠᠭᠠᠨ ᠬᠥᠮᠦᠨ ᠤ ᠵᠠᠮ᠂ 5 ᠲᠦᠮᠡᠨ ᠲᠡᠭᠰᠢ ᠲᠦᠷᠪᠡᠯᠵᠢᠨ ᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠤᠨ | ᠲᠡᠪᠢᠰᠴᠦ᠂ 7 ᠬᠤᠳᠳᠤᠭ ᠰᠢᠨ᠎ᠡ ᠪᠠᠷ ᠥᠭᠡᠷᠡᠴᠢᠯᠡᠵᠦ ᠪᠠᠶᠢᠭᠤᠯᠤᠨ᠂ 19.6 ᠺᠢᠯᠤᠮᠧᠲᠷ ᠲᠦᠭᠡᠭᠡᠯ ᠤᠰᠤ᠂ | ᠪᠤᠷᠤᠭᠠᠨ ᠤ ᠤᠰᠤ᠂ ᠪᠣᠵᠠᠷ ᠣᠰᠤᠨ ᠤ ᠲᠤᠤᠷ ᠬᠤᠭᠤᠯᠠᠢ᠂ 13.4 ᠺᠢᠯᠤᠮᠧᠲᠷ ᠳᠤᠯᠠᠭᠠᠯᠠᠯᠭ᠎ᠠ ᠬᠠᠩᠭᠠᠬᠤ ᠪᠠ | ᠰᠢᠲᠠᠮᠠᠬᠠᠢ ᠬᠡᠢ ᠶᠢᠨ ᠲᠤᠤᠷ ᠬᠤᠭᠤᠯᠠᠢ ᠰᠢᠨ᠎ᠡ ᠪᠠᠷ ᠪᠠᠶᠢᠭᠤᠯᠵᠤ᠂ 1800 ᠰᠠᠭᠤᠷᠢ ᠬᠤᠳᠳᠤᠭ ᠤᠨ ᠲᠠᠰᠤᠭ | ᠴᠡᠪᠡᠷᠯᠡᠨ᠂ 19 ᠲᠦᠮᠡᠨ ᠲᠡᠭᠰᠢ ᠲᠥᠷᠪᠡᠯᠵᠢᠨ ᠮᠧᠲᠷ ᠬᠠᠭᠤᠴᠢᠨ ᠰᠠᠭᠤᠭᠠᠯᠢ ᠲᠤᠭᠤᠷᠢᠭ ᠲᠤ ᠡᠨᠧᠷᠬᠢ ᠠᠷᠪᠢᠯᠠᠬᠤ | ᠥᠭᠡᠷᠡᠴᠢᠯᠡᠯᠲᠡ ᠬᠢᠵᠦ᠂ ᠤᠷᠤᠨ ᠰᠠᠭᠤᠴᠠ ᠶᠢᠨ ᠣᠷᠴᠢᠨ ᠲᠤᠭᠤᠷᠢᠨ ᠢ ᠰᠠᠶᠢᠵᠢᠷᠠᠭᠤᠯᠪᠠ᠃ ᠤᠯᠤᠰ ᠤᠨ ᠨᠡᠭᠡᠭᠡᠨ | ᠬᠥᠭᠵᠢᠭᠦᠯᠬᠦ ᠪᠠᠩᠬᠢ ᠠᠴᠠ 10.45 ᠳ᠋ᠦᠩᠰᠢᠭᠤᠷ ᠲᠥᠭᠦᠷᠢᠭ ᠤᠨ ᠳᠥᠭᠦᠮ ᠪᠥᠲᠦᠴᠡᠲᠦ ᠤᠷᠤᠨ ᠰᠠᠭᠤᠴᠠ ᠶᠢᠨ | ᠲᠤᠭᠤᠷᠢᠭ ᠢ ᠥᠭᠡᠷᠡᠴᠢᠯᠡᠨ ᠵᠠᠰᠠᠬᠤ ᠵᠢᠭᠡᠯᠡᠯᠭᠡ ᠡᠷᠡᠮᠡᠯᠵᠡᠯᠡᠨ ᠣᠯᠵᠣ᠂ 2840 ᠡᠷᠦᠬᠡ ᠪᠤᠴᠠᠭᠠᠨ ᠨᠡᠭᠦᠯᠭᠡᠬᠦ | ᠠᠰᠠᠷ ᠤᠨ ᠪᠥᠳᠦᠭᠡᠨ ᠪᠠᠶᠢᠭᠤᠯᠤᠯᠲᠠ ᠰᠢᠨ᠎ᠡ ᠪᠠᠷ ᠠᠵᠢᠯ ᠡᠬᠢᠯᠡᠨ᠂ 2659 ᠡᠷᠦᠬᠡ ᠶᠢ ᠰᠢᠨ᠎ᠡ ᠣᠷᠣᠨ | ᠰᠠᠭᠤᠴᠠ ᠳᠤ ᠪᠤᠴᠠᠭᠠᠨ ᠨᠡᠭᠦᠯᠭᠡᠪᠡ᠃ ᠭᠡᠷ ᠬᠥᠷᠦᠩᠭᠡ ᠣᠷᠣᠨ ᠰᠠᠭᠤᠴᠠ ᠶᠢᠨ ᠥᠮᠴᠢᠯᠡᠯ ᠤᠨ ᠦᠨᠡᠮᠯᠡᠯ ᠢ | ᠰᠠᠭᠠᠳ ᠦᠭᠡᠢ ᠭᠦᠢᠴᠡᠳᠬᠡᠬᠦ ᠠᠵᠢᠯ ᠤᠨ ᠠᠷᠭ᠎ᠠ ᠬᠡᠯᠪᠡᠷᠢ ᠲᠣᠭᠳᠠᠭᠠᠵᠤ᠂ 12200 ᠢᠯᠡᠭᠦᠦ ᠬᠤᠪᠢ ᠭᠡᠷ | ᠬᠥᠷᠦᠩᠭᠡ ᠣᠷᠣᠨ ᠰᠠᠭᠤᠴᠠ ᠶᠢᠨ ᠥᠮᠴᠢᠯᠡᠯ ᠤᠨ ᠦᠨᠡᠮᠯᠡᠯ ᠭᠠᠷᠳᠠᠭᠤᠯᠪᠠ᠃ ᠰᠢᠯᠢ ᠶᠢᠨ ᠬᠤᠳᠠ ᠨᠡᠭᠦᠷᠡᠰᠦᠨ | ᠠᠭᠤᠷᠬᠠᠢ ᠶᠢᠨ ᠲᠥᠭᠦᠮ ᠪᠥᠲᠦᠴᠢᠲᠦ ᠤᠷᠤᠨ ᠰᠠᠭᠤᠴᠠ ᠶᠢᠨ ᠲᠤᠭᠤᠷᠢᠭ ᠤᠨ ᠤᠷᠤᠨ ᠤ 305 ᠡᠷᠦᠬᠡ ᠶᠢ | ᠵᠠᠰᠠᠨ ᠰᠢᠨᠡᠳᠬᠡᠪᠡ᠃ ᠬᠤᠲᠠ ᠲᠤᠭᠤᠷᠢᠭ ᠲᠤ 212 ᠲᠥᠮᠡᠨᠲ᠋ᠡᠭᠰᠢ ᠲᠥᠷᠪᠡᠯᠵᠢᠨ ᠮᠧᠲᠷ ᠨᠣᠭᠤᠭᠠᠷᠠᠭᠤᠯᠵᠤ᠂ | ᠨᠣᠭᠤᠭᠠᠷᠠᠭᠤᠯᠤᠯᠲᠠ ᠶᠢᠨ ᠬᠢᠷᠢ ᠲᠥᠪᠰᠢᠨ ᠢ ᠮᠡᠳᠡᠭᠳᠡᠬᠦᠶᠢᠴᠡ ᠲᠡᠭᠡᠭᠰᠢᠯᠡᠭᠦᠯᠪᠡ᠃ ᠤᠯᠤᠰ ᠤᠨ ᠲᠡᠰ ᠤᠨ | ᠪᠤᠯᠪᠠᠰᠦᠨ ᠬᠤᠳᠠ᠂ ᠡᠷᠡᠭᠦᠯ ᠬᠠᠮᠠᠭᠠᠯᠠᠯ ᠤᠨ ᠬᠤᠲᠠ ᠶᠢ ᠪᠥᠲᠦᠭᠡᠨ ᠪᠠᠶᠢᠭᠤᠯᠬᠤ ᠠᠵᠢᠯ ᠢ ᠡᠬᠢᠯᠡᠭᠦᠯᠦᠨ᠂ | ᠬᠤᠳᠠ ᠶᠢᠨ ᠥᠩᠭᠡ ᠲᠦᠷᠰᠦ ᠪᠤᠯᠤᠨᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠦᠷᠬᠦᠯᠵᠢᠯᠡᠨ ᠴᠢᠩᠭ᠎ᠠ | ᠠᠳᠬᠤᠵᠤ᠂ ᠬᠤᠲᠠ ᠲᠤᠭᠤᠷᠢᠭ ᠪᠠ ᠡᠷᠬᠢᠨ ᠲᠣᠭᠤᠷᠢᠨ ᠤ 13.8 ᠲᠥᠮᠡᠨ ᠲᠣᠨ ᠬᠤᠭ ᠨᠣᠪᠰᠢ ᠶᠢ | ᠨᠢᠭᠡᠳᠦᠯᠲᠠᠢ ᠴᠡᠪᠡᠷᠯᠡᠵᠦ ᠠᠷᠢᠯᠭᠠᠨ᠂ 10 ᠭᠠᠷᠣᠢ ᠲᠥᠷᠦᠯ ᠤᠨ ᠬᠤᠳᠠ ᠶᠢᠨ ᠬᠠᠮᠢᠶᠠᠷᠤᠯᠳᠠ ᠶᠢᠨ ᠲᠥᠷᠢᠮ | ᠲᠤᠭᠳᠠᠭᠠᠯ ᠲᠣᠭᠳᠠᠭᠠᠵᠤ᠂ ᠬᠤᠳᠠ ᠶᠢᠨ ᠬᠠᠮᠢᠶᠠᠷᠤᠯᠳᠠ ᠶᠢᠨ ᠠᠵᠢᠯ ᠤᠨ ᠬᠢᠷᠢ ᠲᠥᠪᠰᠢᠨ ᠶᠡᠬᠡᠪᠡᠷ ᠲᠡᠭᠡᠭᠰᠢᠯᠡᠪᠡ᠃ | ᠬᠤᠲᠠ ᠶᠢᠨ ᠡᠳ᠋ ᠤᠨ ᠵᠠᠰᠠᠭ ᠠᠴᠠ 1530 ᠲᠦᠮᠡᠨ ᠲᠥᠭᠦᠷᠢᠭ ᠤᠨ ᠨᠥᠬᠦᠪᠦᠷᠢᠯᠡᠨ ᠳᠡᠳᠬᠦᠬᠦ ᠪᠡᠯᠡ ᠮᠥᠩᠬᠦ | ᠲᠣᠬᠢᠷᠠᠭᠤᠯᠵᠤ᠂ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠲᠤᠰᠠᠬᠠᠢ ᠲᠥᠷᠦᠯ ᠤᠨ | ᠴᠡᠭᠴᠡᠯᠡᠬᠦ ᠠᠵᠢᠯᠯᠠᠭ᠎ᠠ ᠥᠷᠨᠢᠭᠦᠯᠦᠨ᠂ ᠠᠷᠠᠳ ᠣᠯᠠᠨ ᠤ ᠰᠠᠨᠠᠯ ᠶᠡᠬᠡᠲᠠᠢ ᠬᠠᠭᠤᠴᠢᠨ ᠰᠠᠭᠤᠭᠠᠯᠢ ᠲᠤᠭᠤᠷᠢᠭ᠂ | ᠬᠠᠮᠢᠶᠠᠷᠤᠯᠲᠠ ᠲᠠᠶᠠᠭᠳᠠᠭᠰᠠᠨ ᠰᠠᠭᠤᠭᠠᠯᠢ ᠲᠤᠭᠤᠷᠢᠭ ᠤᠨᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠥᠪᠰᠢᠨ | ᠮᠡᠳᠡᠭᠳᠡᠭᠦᠶᠢᠴᠡ ᠲᠡᠭᠡᠭᠰᠢᠯᠡᠪᠡ᠃ 6.99 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠨ᠂ ᠭᠠᠴᠠᠭ᠎ᠠ᠂ | ᠬᠤᠪᠢᠶᠠᠷᠢ ᠲᠠᠯᠠᠪᠠᠢ᠂ ᠰᠠᠭᠤᠭᠠᠯᠢ ᠠᠷᠠᠳ ᠤᠨ ᠵᠥᠪᠯᠡᠯ ᠤᠨ ︽ᠠᠷᠪᠠ ᠶᠢ ᠪᠦᠷᠬᠦᠭᠦᠯᠬᠦ︾ ᠢᠨᠵᠧᠨᠧᠷᠢᠭ ᠬᠢᠭᠡᠳ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠭ ᠶᠢ ᠬᠡᠷᠡᠭᠵᠢᠭᠦᠯᠵᠦ᠂ ᠪᠦᠷᠬᠦᠴᠡ ᠶᠢᠨ ᠨᠤᠷᠮ᠎ᠠ 100 % | ᠳᠤ ᠬᠦᠷᠴᠦ᠂ ᠮᠠᠯᠵᠢᠬᠤ ᠣᠷᠤᠨ ᠤ ᠳᠦᠷᠢ ᠲᠦᠷᠬᠦ ᠢᠯᠠᠳᠲᠠ ᠰᠠᠶᠢᠵᠢᠷᠠᠪᠠ᠃ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠠᠬᠢᠴᠠ ᠢᠯᠭᠤᠮ ᠤᠷᠤᠭᠰᠢᠲᠠᠢ ᠪᠠᠶᠢᠵᠦ᠂ | ᠰᠢᠯᠢ ᠶᠢᠨ ᠬᠤᠲᠠ — ᠡᠷᠢᠶᠡᠨ ᠬᠤᠲᠠ ᠬᠦᠷᠬᠦ ᠲᠡᠮᠦᠷ ᠵᠠᠮ ᠨᠡᠪᠲᠡᠷᠡᠵᠦ᠂ ᠰᠢᠯᠢ ᠶᠢᠨ ᠬᠤᠲᠠ — ᠤᠯᠠᠭᠠᠨᠬᠤᠲᠠ | ᠬᠦᠷᠬᠦ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠵᠠᠮ ᠱᠣᠭᠤᠮ ᠰᠢᠨ᠎ᠡ ᠪᠠᠷ ᠨᠡᠮᠡᠭᠳᠡᠨ᠂ | ᠳ᠋ᠠᠨᠳᠦᠩ — ᠰᠢᠯᠢ ᠶᠢᠨ ᠬᠤᠲᠠ ᠬᠦᠷᠬᠦ ᠥᠨᠳᠥᠷ ᠬᠤᠷᠳᠤᠴᠠᠲᠦ ᠵᠠᠰᠠᠮᠠᠯ ᠵᠠᠮ ᠤᠨ ᠰᠢᠯᠢ ᠶᠢᠨ ᠬᠤᠲᠠ ᠶᠢᠨ | ᠬᠠᠷᠢᠶᠠᠨ ᠳᠠᠬᠢ ᠬᠡᠰᠡᠭ ᠤᠨ ᠰᠠᠭᠤᠷᠢ ᠪᠠᠶᠢᠭᠤᠯᠤᠯᠲᠠ ᠠᠵᠢᠯ ᠳᠠᠭᠤᠰᠪᠠ᠃ | ᠭᠤᠷᠪᠠᠳᠣᠭᠠᠷ ᠲᠤ᠂ ᠨᠡᠶᠢᠭᠡᠮ ᠤᠨ ᠠᠵᠢᠯ ᠦᠢᠯᠡᠰ ᠪᠥᠬᠦ ᠲᠠᠯ᠎ᠠ ᠪᠠᠷ ᠠᠬᠢᠨ ᠲᠠᠪᠰᠢᠪᠠ᠃ ᠠᠵᠢᠯ | ᠣᠯᠭᠤᠯᠲᠠ᠂ ᠦᠢᠯᠡᠰ ᠪᠤᠰᠬᠠᠬᠤ ᠲᠥᠷᠦ ᠶᠢᠨ ᠪᠣᠳᠤᠯᠭ᠎ᠠ ᠶᠢ ᠢᠳᠡᠪᠬᠢᠲᠠᠢ ᠨᠠᠶᠢᠳᠠᠪᠤᠷᠢᠵᠢᠭᠤᠯᠤᠨ | ᠲᠡᠭᠦᠯᠳᠡᠷᠵᠢᠭᠦᠯᠵᠦ᠂ ᠬᠤᠲᠠ ᠬᠥᠳᠡᠭᠡᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ 6350 ᠬᠦᠷᠪᠡ᠃ | ᠨᠢᠭᠡ ᠳ᠋ᠦᠩᠰᠢᠭᠤᠷ ᠲᠥᠭᠦᠷᠢᠭ ᠦᠨᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠲᠠᠯᠪᠢᠨ᠂ 1290 ᠬᠥᠮᠦᠨ ᠢ | ᠳᠡᠮᠵᠢᠨ ᠳᠡᠳᠬᠦᠵᠦ ᠦᠢᠯᠡᠰ ᠪᠤᠰᠬᠠᠵᠤ᠂ ᠣᠶᠤᠳᠠᠳ ᠤᠨ ᠰᠤᠶᠤᠯ ᠤᠨ ᠡᠭᠦᠳᠦᠯᠲᠦ ᠰᠡᠳᠬᠢᠮᠵᠢ ᠶᠢᠨ ᠬᠦᠷᠢᠶᠡᠯᠡᠩ | ᠨᠢ ᠣᠷᠤᠨ ᠤ ᠲᠡᠰ ᠤᠨ ᠦᠢᠯᠡᠰ ᠪᠣᠰᠬᠠᠬᠤ ᠵᠢᠱᠢᠶ᠎ᠡ ᠦᠵᠡᠭᠦᠯᠬᠦ ᠬᠦᠷᠢᠶᠡᠯᠡᠩ ᠪᠤᠯᠤᠨᠦᠢᠯᠡᠰ ᠪᠣᠰᠬᠠᠬᠤ | ᠪᠤᠯᠪᠠᠰᠤᠷᠠᠯ ᠤᠨ ᠰᠠᠭᠤᠷᠢᠨ ᠭᠠᠵᠠᠷ ᠢᠶᠠᠷ ᠦᠨᠡᠯᠡᠭᠳᠡᠪᠡ᠃ ᠨᠡᠶᠢᠭᠡᠮ ᠤᠨ ᠪᠠᠲᠤᠯᠠᠭᠠᠨ ᠤ ᠬᠢᠷᠢ ᠲᠥᠪᠰᠢᠨ ᠢ | ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠬᠦᠮᠦᠨ ᠳᠤᠮᠳᠠᠴᠢ ᠶᠢᠨ ᠨᠠᠰᠤᠵᠢᠯ ᠤᠨ | ᠮᠥᠩᠭᠦ ᠶᠢᠨ ᠬᠡᠮᠵᠢᠶ᠎ᠡ ᠶᠢ ᠰᠠᠷ᠎ᠠ ᠪᠦᠷᠢ 180 ᠲᠥᠭᠦᠷᠢᠭ ᠲᠡᠭᠡᠭᠰᠢᠯᠡᠭᠦᠯᠵᠦ᠂ ᠬᠤᠲᠠ ᠪᠠᠯᠭᠠᠰᠤᠨ ᠤ ᠠᠵᠢᠯᠲᠠᠳ | ᠪᠤᠯᠤᠨ ᠰᠠᠭᠤᠭᠠᠯᠢ ᠠᠷᠠᠳ ᠤᠨ ᠬᠥᠨᠳᠦ ᠡᠪᠡᠳᠴᠢᠨ ᠤ ᠳᠠᠭᠠᠳᠬᠠᠯ ᠤᠨ ᠲᠥᠷᠦ ᠶᠢᠨ ᠪᠣᠳᠣᠯᠭ᠎ᠠ ᠶᠢᠨ | ᠬᠡᠪᠴᠢᠶᠡᠨ ᠳᠠᠬᠢ ᠥᠪᠡᠷᠲᠡᠭᠡᠨ ᠡᠭᠦᠷᠬᠡᠯᠡᠬᠦ ᠰᠦᠢᠳᠬᠡᠯ ᠢ ᠲᠤᠰᠪᠦᠷᠢ 20% ᠪᠠᠷ ᠳᠣᠷᠤᠭᠰᠢᠯᠠᠭᠤᠯᠪᠠ᠃ ᠨᠡᠶᠢᠭᠡᠮ | ᠤᠨ ᠠᠪᠤᠷᠠᠨ ᠳᠡᠳᠬᠦᠮᠵᠢ ᠶᠢᠨ ᠬᠢᠷᠢ ᠲᠥᠪᠰᠢᠨ ᠤᠯᠠᠮ ᠨᠢᠭᠡ ᠠᠯᠬᠤᠮ ᠥᠨᠳᠦᠷᠵᠢᠨ᠂ ᠪᠥᠬᠦ ᠵᠢᠯ ᠤᠨ | ᠣᠯᠭᠤᠭᠰᠠᠨ ᠪᠠᠲᠤᠯᠠᠭ᠎ᠠ ᠪᠤᠯᠤᠨ ᠠᠪᠤᠷᠠᠨ ᠳᠡᠳᠬᠦᠮᠵᠢ ᠶᠢᠨ ᠮᠥᠩᠭᠦ 6342 ᠲᠥᠮᠡᠨ ᠲᠥᠭᠦᠷᠢᠭ ᠬᠦᠷᠪᠡ᠃ | ᠬᠤᠲᠠ ᠬᠥᠳᠡᠭᠡᠨ ᠤ ᠨᠠᠰᠦᠵᠢᠯ ᠤᠨ ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠨ᠂ ᠪᠥᠬᠦ | ᠬᠤᠲᠠ ᠶᠢᠨ ᠬᠡᠪᠴᠢᠶᠡᠨ ᠳᠠᠬᠢ ᠮᠢᠩᠭᠠᠨ ᠨᠠᠰᠣᠳᠠᠳ ᠪᠥᠷᠢ ᠳᠤ ᠲᠡᠭᠰᠢᠳᠬᠡᠬᠡᠳ 32 ᠠᠰᠠᠷᠠᠮᠵᠢ ᠶᠢᠨ ᠤᠷᠦ ᠨᠡᠮᠡᠵᠦ | ᠂ ᠥᠨᠳᠦᠷ ᠨᠠᠰᠣᠵᠢᠯ ᠤᠨ ᠨᠥᠬᠦᠪᠦᠷᠢ᠂ ᠨᠡᠶᠢᠲᠡ ᠶᠢᠨ ᠮᠠᠰᠢᠨ ᠲᠡᠷᠭᠡᠨ ᠤ ᠨᠥᠬᠦᠪᠦᠷᠢ ᠶᠢᠨ ᠬᠡᠪᠴᠢᠶ᠎ᠡ ᠶᠢ | ᠥᠷᠭᠡᠳᠬᠡᠪᠡ᠃ ᠶᠠᠳᠠᠭᠤ ᠶᠢ ᠳᠡᠳᠬᠦᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ 304 ᠬᠥᠮᠦᠨ ᠢ | ᠶᠠᠳᠠᠭᠤ ᠠᠴᠠ ᠠᠩᠬᠢᠵᠢᠷᠠᠭᠤᠯᠪᠠ᠃ ᠰᠤᠷᠭᠠᠨ ᠬᠥᠮᠦᠵᠢᠯ ᠤᠨ ᠦᠢᠯᠡᠰ ᠢ ᠬᠦᠨᠳᠦᠳᠬᠡᠨ ᠬᠥᠭᠵᠢᠭᠦᠯᠦᠨ᠂ | ᠰᠤᠷᠭᠠᠭᠤᠯᠢ ᠶᠢᠨ ᠨᠠᠰᠤᠨ ᠤ ᠬᠡᠥᠬᠡᠳ ᠤᠨ ᠴᠡᠴᠡᠷᠯᠢᠭ ᠲᠤ ᠤᠷᠣᠬᠤ ᠨᠤᠷᠮ᠎ᠠ 90% ᠳᠤ ᠬᠦᠷᠴᠦ᠂ ᠠᠯᠪᠠᠨ | ᠵᠢᠷᠦᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠦ ᠬᠥᠭᠵᠢᠯ ᠲᠦᠷᠭᠡᠳᠴᠦ᠂ ᠥᠨᠳᠦᠷ ᠳᠤᠮᠳᠠᠳᠤ ᠶᠢᠨ | ᠣᠯᠣᠰ ᠤᠨ ᠰᠢᠯᠭᠠᠯᠲᠠ ᠶᠢᠨ ᠵᠢᠩᠬᠢᠨᠢ ᠠᠩᠭᠢ ᠳᠤ ᠡᠯᠰᠡᠭᠳᠡᠬᠦ ᠨᠤᠷᠮ᠎ᠠ ᠪᠤᠯᠤᠨ ᠭᠤᠣᠯᠳᠠᠯᠭᠠᠲᠣ ᠶᠡᠭᠡ | ᠰᠤᠷᠭᠠᠭᠤᠯᠢ ᠳᠤ ᠡᠯᠰᠡᠭᠳᠡᠬᠦ ᠨᠤᠷᠮ᠎ᠠ ᠴᠢᠬᠤᠯᠠ ᠶᠡᠭᠡ ᠰᠢᠪᠲᠤᠯᠤᠯᠲᠠ ᠲᠠᠢ ᠪᠤᠯᠵᠤ᠂ ᠰᠢᠯᠢ ᠶᠢᠨ ᠭᠤᠣᠯ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠨᠢ ᠤᠯᠤᠰ ᠤᠨ ᠲᠤᠮᠳᠠᠳᠦ ᠲᠡᠰ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠵᠢᠱᠢᠶᠡᠴᠢ ᠰᠤᠷᠭᠠᠭᠤᠯᠢ ᠶᠢᠨ ᠰᠢᠯᠭᠠᠨ | ᠪᠠᠶᠢᠴᠠᠭᠠᠯᠲᠠ ᠶᠢ ᠪᠥᠳᠦᠮᠵᠢᠲᠠᠢ ᠲᠠᠪᠠᠵᠣ᠂ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ | ᠴᠢᠬᠤᠯᠠᠴᠢᠯᠠᠵᠣ ᠬᠥᠭᠵᠢᠭᠦᠯᠦᠭᠰᠡᠨ ᠪᠠᠶᠢᠨ᠎ᠠ᠃ ᠡᠮ ᠡᠮᠨᠡᠯᠭᠡ ᠶᠢᠨ ᠶᠠᠰᠦ ᠴᠢᠨᠠᠷ ᠪᠠ ᠦᠢᠯᠡᠴᠢᠯᠡᠭᠡᠨ ᠤ ᠴᠢᠳᠠᠮᠵᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠡᠬᠡ | ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠲᠥᠷᠦᠯ ᠵᠦᠢᠯ ᠤᠨ ᠠᠵᠢᠯ ᠤᠨ ᠠᠬᠢᠴᠠ ᠢᠯᠭᠤᠮ ᠤᠷᠤᠭᠰᠢᠲᠠᠢ | ᠪᠠᠶᠢᠵᠤ᠂ ᠡᠮᠡᠮᠨᠡᠯᠭᠡ᠂ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠦᠨᠳᠦᠰᠦᠨ ᠡᠮ ᠤᠨ ᠵᠦᠢᠯᠡᠰ ᠤᠨ | ᠦᠨ᠎ᠡ ᠶᠢᠨ ᠵᠥᠷᠢᠶ᠎ᠡ ᠦᠭᠡᠢ ᠪᠣᠷᠣᠯᠠᠭᠤᠯᠭ᠎ᠠ ᠶᠢ ᠪᠠᠲᠤᠯᠠᠪᠠ᠃ 13 ᠤᠳᠠᠭᠠᠨ ᠤ ᠲᠤᠮᠦ ᠬᠡᠯᠪᠡᠷᠢ ᠶᠢᠨ ᠰᠣᠶᠣᠯ | ᠲᠠᠮᠢᠷ ᠤᠨ ᠬᠥᠳᠡᠯᠭᠡᠭᠡᠨ ᠢ ᠠᠮᠵᠢᠯᠲᠠ ᠲᠠᠢ ᠵᠤᠬᠢᠶᠠᠨ ᠪᠠᠶᠢᠭᠤᠯᠪᠠ᠃ | ᠳᠥᠷᠪᠡᠳᠦᠭᠡᠷ ᠲᠤ᠂ ᠭᠤᠣᠯᠳᠠᠯᠭᠠᠲᠤ ᠥᠭᠡᠷᠡᠴᠢᠯᠡᠯᠲᠡ ᠶᠢᠨ ᠦᠷ᠎ᠡ ᠪᠥᠲᠦᠮᠵᠢ ᠢᠯᠡᠳᠲᠠ ᠮᠡᠳᠡᠭᠳᠡᠮ᠎ᠡ᠃ ︽ | ᠤᠷᠢᠳᠠᠪᠡᠷ ᠦᠨᠡᠮᠯᠡᠯ ᠭᠦᠢᠴᠡᠳᠬᠡᠵᠦ᠂ ᠳᠠᠷᠠᠭ᠎ᠠ ᠨᠢ ᠵᠥᠪᠰᠢᠶᠡᠷᠡᠯ ᠤᠨ ᠭᠡᠷᠡᠴᠢ ᠡᠷᠡᠮᠡᠯᠵᠡᠯᠡᠬᠦ︾᠂ ︽ᠭᠤᠷᠪᠠᠨ | ᠦᠨᠡᠮᠯᠡᠯ ᠢ ᠨᠢᠭᠡᠲᠦᠭᠦᠯᠬᠦ︾᠂ ︽ᠨᠢᠭᠡ ᠦᠨᠡᠮᠯᠡᠯ ᠨᠢᠭᠡ ᠳ᠋ᠤᠭᠠᠷᠯᠠᠯ︾ ᠵᠡᠷᠭᠡ ᠠᠷᠠᠯᠵᠢᠶᠠᠨ ᠤ ᠶᠠᠪᠣᠲᠠᠯ ᠤᠨ | ᠲᠥᠷᠢᠮ ᠤᠨ ᠥᠭᠡᠷᠡᠴᠢᠯᠡᠯᠲᠡ ᠪᠠᠷ ᠳᠠᠮᠵᠢᠨ᠂ 6719 ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ ᠰᠢᠨ᠎ᠡ ᠪᠠᠷ | ᠨᠡᠮᠡᠭᠳᠡᠵᠦ᠂ ᠳᠠᠩᠰᠠᠯᠠᠭᠰᠠᠨᠬᠥ᠋ᠷᠦᠩᠭᠡ28.3 ᠳ᠋ᠦᠩᠰᠢᠭᠤᠷ ᠲᠥᠭᠦᠷᠢᠭ ᠬᠦᠷᠪᠡ᠃ ᠠᠵᠤ ᠠᠬᠤᠶᠢᠯᠠᠯ ᠤᠨ | ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠦᠨ᠂ 3.75 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠭᠡᠯ ᠢ | ᠬᠡᠯᠲᠦᠷᠢᠭᠦᠯᠦᠨ ᠬᠠᠰᠤᠵᠤ᠂ 14.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠬᠠᠪᠰᠤᠷᠤᠨ ᠬᠤᠷᠠᠮᠳᠣᠭᠤᠯᠵᠤ᠂ | ᠬᠤᠩ ᠶᠣᠸᠠᠨ ᠮᠠᠯᠵᠢᠯ ᠤᠨ ᠦᠢᠯᠡᠰ ᠺᠤᠮᠫᠠᠨᠢ ᠨᠢ ︽ᠬᠤᠪᠢ ᠣᠷᠣᠭᠤᠯᠣᠯᠲᠠ ᠶᠢᠨ ᠡᠷᠬᠡ ᠶᠢ ᠰᠢᠯᠵᠢᠭᠦᠯᠬᠦ ᠶᠢ | ᠣᠷᠣᠯᠠᠨ ᠭᠦᠢᠴᠡᠳᠬᠡᠬᠦ ᠲᠠᠪᠴᠠᠩ︾ ᠳᠤ ᠠᠮᠵᠢᠯᠲᠠᠲᠠᠢ ᠪᠠᠷ ᠫᠠᠶᠢᠰᠠ ᠡᠯᠭᠦᠪᠡ᠃ ᠵᠠᠰᠠᠭ ᠢ ᠴᠣᠮᠬᠠᠳᠬᠠᠨ ᠡᠷᠬᠡ ᠶᠢ | ᠲᠤᠷᠣᠭᠰᠢ ᠲᠠᠯᠪᠢᠬᠤ ᠬᠦᠴᠦᠯᠡᠴᠡ ᠪᠠᠨ ᠴᠢᠩᠭᠠᠳᠬᠠᠵᠤ᠂ 180 ᠭᠠᠷᠤᠢ ᠵᠦᠢᠯ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠢ ᠴᠣᠮᠬᠠᠳᠬᠠᠵᠤ ᠴᠡᠭᠴᠡᠯᠡᠨ᠂ ᠴᠣᠮᠬᠠᠳᠬᠠᠨ ᠲᠥᠭᠦᠮᠴᠢᠯᠡᠭᠰᠡᠨ ᠨᠤᠷᠮ᠎ᠠ 45.2% ᠲᠤ ᠬᠦᠷᠪᠡ᠃ | ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠲᠥᠪ ᠪᠤᠯᠤᠨ ᠪᠣᠳᠠᠲᠤ ᠬᠥᠷᠦᠩᠭᠡ ᠳᠠᠩᠰᠠᠯᠠᠬᠤ ᠲᠤᠪᠴᠢᠶ᠎ᠠ | ᠪᠠᠶᠢᠭᠤᠯᠤᠨ᠂ ᠵᠠᠰᠠᠭ ᠵᠠᠬᠢᠷᠭᠠᠨ ᠤ ᠡᠷᠬᠡ ᠶᠢᠨ ᠬᠡᠷᠡᠭᠵᠢᠭᠦᠯᠦᠯᠲᠡ ᠶᠢᠨ ᠢᠯᠡ ᠲᠤᠳᠤ ᠪᠠᠶᠢᠬᠤ ᠶᠢ ᠲᠦᠯᠬᠢᠨ | ᠠᠬᠢᠭᠤᠯᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠲᠦᠷᠬᠡᠳᠬᠡᠵᠦ᠂ ᠤᠯᠤᠰ ᠤᠨ | ᠬᠥᠮᠦᠷᠬᠡ ᠶᠢᠨ ᠲᠦᠪᠯᠡᠷᠡᠭᠦᠯᠦᠨ ᠬᠤᠷᠢᠶᠠᠬᠤ ᠪᠠ ᠲᠥᠯᠦᠬᠦ᠂ ᠵᠠᠰᠠᠭ ᠤᠨ ᠤᠷᠳᠤᠨ ᠤ ᠨᠢᠭᠡᠲᠦᠯᠲᠡᠢ ᠬᠤᠳᠠᠯᠳᠤᠨ | ᠠᠪᠬᠤ ᠠᠵᠢᠯᠯᠠᠭ᠎ᠠ ᠶᠢ ᠪᠠᠲᠤᠲᠠᠢ ᠥᠷᠨᠢᠭᠦᠯᠦᠨ᠎ᠡ᠃ ᠮᠠᠯᠵᠢᠬᠤ ᠣᠷᠤᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠭᠠᠴᠠᠭ᠎ᠠ ᠲᠤᠰᠬᠤᠨ ᠳᠤ ᠦᠢᠯᠡᠴᠢᠯᠡᠬᠦ ᠮᠥᠩᠭᠦᠨ ᠭᠦᠢᠯᠭᠡᠭᠡᠨ | ᠤ ᠪᠦᠬᠦ ᠪᠦᠷᠬᠦᠴᠡ ᠶᠢ ᠰᠠᠶᠢᠵᠢᠷᠠᠭᠤᠯᠪᠠ᠃ ᠠᠮᠢ ᠠᠬᠤᠢ ᠶᠢᠨ ᠪᠥᠲᠦᠭᠡᠨ ᠪᠠᠶᠢᠭᠤᠯᠤᠯᠲᠠ ᠶᠢ ᠴᠢᠩᠭᠠᠳᠬᠠᠵᠦ᠂ | ᠠᠮᠢ ᠠᠬᠤᠢ ᠶᠢᠨ ᠬᠠᠮᠠᠭᠠᠯᠠᠯᠲᠠ ᠵᠢᠨᠲ᠋ᠤᠪᠴᠢᠶ᠎ᠠ ᠪᠠᠶᠢᠭᠤᠯᠤᠨ᠂ ᠬᠠᠮᠲᠦ ᠶᠢᠨ ᠤᠢ ᠰᠢᠭᠤᠢ ᠶᠢᠨ ᠡᠷᠬᠡ ᠶᠢᠨ | ᠲᠥᠷᠢᠮ ᠤᠨ ᠭᠤᠣᠯ ᠴᠣᠭᠴᠠ ᠶᠢᠨ ᠥᠭᠡᠷᠡᠴᠢᠯᠡᠯᠲᠡ ᠭᠠᠴᠠᠭᠠᠨ ᠤ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠯᠲᠡ ᠶᠢᠨ ᠡᠷᠬᠡ ᠶᠢᠨ ᠲᠤᠳᠣᠷᠬᠠᠶᠢᠯᠠᠯ ᠪᠠ ᠳᠠᠭᠠᠭᠠᠴᠢᠯᠠᠯᠲᠠ ᠶᠢᠨ ᠠᠵᠢᠯ ᠢ ᠭᠦᠢᠴᠡᠳᠬᠡᠵᠦ᠂ 722 ᠳᠡᠪᠲᠡᠷ | ᠤᠢ ᠰᠢᠭᠤᠢ ᠶᠢᠨ ᠡᠷᠬᠡ ᠶᠢᠨ ᠦᠨᠡᠮᠯᠡᠯ ᠲᠠᠷᠬᠠᠭᠠᠪᠠ᠃ ᠰᠤᠷᠭᠠᠭᠤᠯᠢ ᠶᠢᠨ ᠵᠠᠬᠢᠷᠤᠯ ᠤᠨ ᠵᠠᠰᠠᠭ ᠵᠠᠬᠢᠷᠭᠠᠨ ᠤ ᠵᠡᠷᠭᠡ | ᠬᠡᠷᠬᠡᠮ ᠢ ᠬᠦᠴᠦᠨ ᠦᠭᠡᠢ ᠪᠣᠯᠭᠠᠵᠤ᠂ ᠳᠣᠮᠳᠠᠳᠣ ᠪᠠᠭ᠎ᠠ ᠰᠣᠷᠭᠠᠭᠤᠯᠢ ᠶᠢᠨ ᠵᠠᠬᠢᠷᠤᠯ ᠢ ᠤᠷᠢᠨ ᠬᠡᠷᠡᠭᠯᠡᠪᠡ᠃ ᠬᠥᠯ | ᠪᠥᠮᠪᠦᠭᠡ ᠶᠢᠨ ᠥᠭᠡᠷᠡᠴᠢᠯᠡᠯᠲᠡ ᠶᠢ ᠢᠳᠡᠪᠬᠢᠲᠠᠢ ᠲᠦᠯᠬᠢᠨ ᠠᠬᠢᠭᠤᠯᠵᠤ᠂ 10 ᠰᠠᠭᠤᠷᠢ ᠲᠤᠤᠷᠯᠠᠭᠰᠠᠨ ᠬᠥᠯ | ᠪᠥᠮᠪᠦᠭᠡᠨ ᠲᠠᠯᠠᠪᠠᠢ ᠠᠰᠢᠭᠯᠠᠯᠲᠠ ᠳᠤ ᠤᠷᠤᠵᠤ᠂ 4 ᠰᠤᠷᠭᠠᠭᠤᠯᠢ ᠨᠢ ᠪᠥᠬᠦ ᠤᠯᠤᠰ ᠤᠨ ᠵᠠᠯᠠᠭᠤᠴᠣᠳ | ᠪᠠᠭᠠᠴᠣᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠣ ᠰᠤᠷᠭᠠᠭᠤᠯᠢ ᠪᠠᠷ | ᠲᠣᠭᠳᠠᠭᠠᠭᠳᠠᠪᠠ᠃ | ᠲᠠᠪᠤᠳᠤᠭᠠᠷ ᠲᠤ᠂ ᠵᠠᠰᠠᠭ ᠤᠨ ᠶᠠᠪᠤᠳᠠᠯ ᠤᠨ ᠣᠷᠴᠢᠨ ᠲᠤᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ | ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠠᠬᠢᠭᠤᠯᠤᠨ᠂ 380 ᠢᠯᠡᠭᠦᠦ ᠬᠤᠪᠢ ᠡᠯ᠎ᠡ ᠲᠥᠷᠦᠯ ᠤᠨ ᠭᠡᠷ᠎ᠡ | ᠪᠢᠴᠢᠭ ᠬᠢᠨᠠᠨ ᠬᠠᠷᠭᠤᠭᠤᠯᠵᠤ᠂ ᠪᠥᠬᠦ ᠬᠤᠲᠠ ᠶᠢᠨ 35 ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢᠨ | ᠳᠠᠩᠰᠠᠯᠠᠯ ᠢ ᠡᠮᠬᠢᠯᠡᠨ ᠴᠡᠭᠴᠡᠯᠡᠵᠦ᠂ ᠢᠯᠡ ᠪᠤᠯᠭᠠᠬᠤ ᠠᠵᠢᠯ ᠶᠢ ᠭᠦᠢᠴᠡᠳᠬᠡᠨ᠂ ᠳᠠᠩᠰᠠᠯᠠᠯ ᠠᠴᠠ ᠪᠤᠰᠤᠳ ᠵᠠᠰᠠᠭ | ᠵᠠᠬᠢᠷᠭᠠᠨ ᠤ ᠡᠷᠬᠡ ᠦᠭᠡᠢ ᠪᠠᠶᠢᠬᠤ ᠶᠢ ᠪᠠᠲᠤᠯᠠᠪᠠ᠃ 67 ᠲᠥᠮᠡᠨ ᠵᠦᠢᠯ ᠤᠨ ᠡᠯ᠎ᠡ ᠲᠥᠷᠦᠯ ᠤᠨ ᠬᠢᠨᠠᠨ | ᠵᠥᠪᠰᠢᠶᠡᠷᠡᠯ᠂ ᠦᠢᠯᠡᠴᠢᠯᠡᠭᠡᠨ` ᠤ ᠬᠡᠷᠡᠭ ᠶᠠᠪᠤᠳᠠᠯ ᠢ ᠨᠢᠭᠡᠲᠦᠯᠲᠠᠢ ᠬᠢᠨᠠᠨ ᠵᠥᠪᠰᠢᠶᠡᠷᠡᠪᠡ᠃ 40 ᠰᠢᠬᠠᠮ | ᠳ᠋ᠦᠩᠰᠢᠭᠤᠷ ᠲᠦᠭᠦᠷᠢᠭ ᠣᠷᠴᠢᠮ ᠵᠠᠰᠠᠭ ᠤᠨ ᠣᠷᠳᠣᠨ ᠤ ᠪᠡᠯᠡ ᠣᠷᠣᠭᠤᠯᠣᠭᠰᠠᠨ ᠲᠥᠷᠦᠯ ᠵᠦᠢᠯ ᠳᠤ ᠬᠢᠨᠠᠨ | ᠪᠤᠳᠤᠯᠲᠠ ᠬᠢᠪᠡ᠃ ︽ᠠᠯᠪᠠᠨ ᠤ ᠭᠤᠷᠪᠠᠨ ᠵᠠᠷᠤᠳᠠᠯ︾ 12% ᠢᠶᠠᠷ ᠪᠠᠭᠤᠷᠠᠪᠠ᠃ ︽ᠭᠤᠷᠪᠠᠨ ᠴᠢᠩᠭ᠎ᠠ | ᠭᠤᠷᠪᠠᠨ ᠪᠤᠲᠠᠲᠠᠢ︾᠂ ︽ᠺᠠᠳ᠋ᠷ ᠦᠨᠳᠦᠰᠦᠨ ᠱᠠᠳᠣᠨ ᠳᠤ ᠪᠠᠭᠤᠬᠤ︾ ᠠᠵᠢᠯᠯᠠᠭᠠᠨ ᠢ ᠭᠦᠨᠵᠡᠭᠡᠢ ᠥᠷᠨᠢᠭᠦᠯᠵᠦ᠂ | ᠺᠠᠳ᠋ᠷ ᠣᠯᠠᠨ ᠲᠥᠮᠡᠨ ᠤ ᠬᠠᠷᠢᠴᠠᠭ᠎ᠠ ᠤᠯᠠᠮ ᠨᠢᠭᠡ ᠠᠯᠬᠤᠮ ᠨᠢᠭᠳᠠᠷᠠᠪᠠ᠃ ᠡᠶ᠎ᠡ ᠵᠤᠬᠢᠴᠠᠩᠭᠤᠢ ᠬᠥᠳᠡᠯᠮᠦᠷᠢ ᠶᠢᠨ | ᠬᠠᠷᠢᠴᠠᠭ᠎ᠠ ᠶᠢ ᠴᠤᠭᠴᠠᠯᠠᠵᠤ᠂ ᠬᠥᠯᠦᠰᠦᠨ ᠠᠵᠢᠯᠴᠢᠳ ᠲᠤ ᠦᠷᠢᠲᠦᠵᠦ ᠪᠠᠶᠢᠭᠰᠠᠨ 1.88 ᠳ᠋ᠦᠩᠰᠢᠭᠤᠷ | ᠲᠥᠭᠦᠷᠢᠭ ᠤᠨ ᠴᠠᠯᠢᠩ ᠮᠥᠩᠭᠦ ᠶᠢ ᠨᠡᠬᠡᠵᠦ ᠣᠯᠭᠤᠪᠠ᠃ ᠢᠳᠡᠭᠡᠨ ᠡᠮ ᠤᠨ ᠵᠦᠢᠯᠡᠰ ᠤᠨ ᠬᠢᠨᠠᠨ | ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠤᠯᠠᠨ ᠲᠥᠮᠡᠨ ᠤ ᠡᠮ ᠡᠮᠨᠡᠯᠭᠡ᠂ ᠢᠳᠡᠭᠡᠨ ᠤᠮᠳᠠᠭᠠᠨ ᠤ ᠠᠮᠣᠷ | ᠲᠥᠪᠰᠢᠨ ᠢ ᠪᠠᠲᠤᠯᠠᠪᠠ᠃ ᠭᠠᠴᠠᠭ᠎ᠠ ᠨᠡᠶᠢᠭᠡᠮ ᠲᠤᠭᠤᠷᠢᠭ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ | ᠠᠵᠢᠯ ᠢ ᠠᠮᠵᠢᠯᠲᠠᠲᠠᠢ ᠭᠦᠢᠴᠡᠳᠬᠡᠵᠦ᠂ ᠨᠡᠶᠢᠭᠡᠮ ᠲᠤᠭᠤᠷᠢᠭ ᠤᠨ ᠠᠷᠠᠳ ᠠᠴᠠ ᠰᠤᠩᠭᠤᠭᠰᠠᠨ ᠺᠠᠳ᠋ᠷ᠂ | ᠭᠠᠴᠠᠭᠠᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ ᠬᠠᠷᠠᠮᠵᠢ ᠮᠥᠩᠭᠦ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯᠲᠦ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 56 ᠵᠤᠷᠪᠤᠰ | ᠠᠷᠠᠳ ᠤᠨ ᠲᠥᠯᠦᠭᠡᠯᠡᠭᠴᠢᠳ ᠤᠨ ᠰᠠᠨᠠᠯ ᠰᠠᠨᠠᠭᠤᠯᠭ᠎ᠠ᠂ 60 ᠬᠤᠪᠢ ᠤᠯᠤᠰ ᠲᠥᠷᠦ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠶᠢ ᠪᠥᠬᠦᠨ ᠢ ᠬᠦᠢᠴᠡᠳᠬᠡᠨ ᠳᠠᠭᠤᠰᠬᠠᠪᠠ᠃ | ᠲᠥᠯᠦᠭᠡᠯᠡᠭᠴᠢᠳ ᠡ᠂ ︽ᠠᠷᠪᠠᠨ ᠬᠤᠶᠠᠳᠤᠭᠠᠷ ᠲᠠᠪᠤᠨ ᠵᠢᠯ︾ ᠢ ᠡᠷᠬᠢᠴᠡᠭᠦᠯᠬᠦ ᠳᠤ᠂ ᠲᠤᠰ | ᠬᠤᠭᠤᠴᠠᠭᠠᠨ ᠳᠠᠬᠢ ᠮᠠᠨ ᠤ ᠬᠤᠲᠠ ᠶᠢᠨ ᠶᠡᠷᠦᠩᠬᠡᠶᠢᠯᠡᠭᠰᠡᠨ ᠪᠣᠳᠠᠳᠤ ᠬᠦᠴᠦᠨ ᠤ ᠳᠡᠭᠡᠭᠰᠢᠯᠡᠯᠲᠡ ᠬᠠᠮᠤᠭ | ᠬᠤᠷᠳᠤᠨ᠂ ᠬᠤᠲᠠ ᠬᠥᠳᠡᠭᠡᠨ ᠤ ᠳᠦᠷᠢ ᠲᠦᠷᠬᠦ ᠶᠢᠨ ᠬᠤᠪᠢᠷᠠᠯᠲᠠ ᠬᠠᠮᠤᠭ ᠶᠡᠭᠡ᠂ ᠠᠷᠠᠳ ᠤᠯᠠᠨ ᠤ | ᠬᠦᠷᠲᠡᠭᠰᠡᠨ ᠠᠰᠢᠭ ᠬᠦᠷᠳᠡᠭᠡᠯ ᠬᠠᠮᠤᠭ ᠣᠯᠠᠨ ᠪᠠᠶᠢᠬᠤ ᠢ ᠪᠢᠳᠡ ᠭᠦᠨᠵᠡᠭᠡᠢ ᠲᠤᠳᠤ ᠣᠶᠢᠯᠠᠭᠠᠪᠠ᠃ ᠪᠢᠳᠡᠨ ᠰᠢ | ᠶᠢᠨ ᠫᠢᠩ ᠶᠡᠷᠦᠩᠬᠡᠢ ᠱᠦᠵᠢ ᠶᠢᠨ ᠪᠠᠶᠢᠴᠠᠭᠠᠯᠲᠠ ᠶᠢ ᠠᠮᠵᠢᠯᠲᠠᠲᠠᠢ ᠬᠥᠯᠢᠶᠡᠵᠦ᠂ ᠥᠪᠡᠷᠲᠡᠭᠡᠨ ᠵᠠᠰᠠᠬᠤ ᠤᠷᠤᠨ ᠤ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠲᠣᠭᠤᠷᠢᠨ ᠪᠠᠶᠢᠴᠠᠭᠠᠬᠤ ᠪᠥᠯᠬᠦᠮ ᠤᠨ ᠪᠠᠶᠢᠴᠠᠭᠠᠯᠲᠠ ᠶᠢ ᠬᠦᠯᠢᠶᠡᠵᠦ᠂ | ᠠᠽᠢᠶ᠎ᠠ ᠶᠢᠨ ᠵᠠᠯᠠᠭᠤ ᠪᠠᠭᠠᠴᠣᠳ ᠤᠨ ᠵᠡᠪᠰᠡᠭ ᠤᠨ ᠡᠷᠳᠡᠮ ᠤᠨ ᠮᠠᠩᠯᠠᠢ ᠰᠢᠯᠭᠠᠷᠠᠭᠤᠯᠬᠤ ᠣᠷᠣᠯᠳᠣᠭᠠᠨ᠂ | ᠳᠣᠮᠳᠠᠳᠣ ᠤᠯᠤᠰ ᠤᠨ ᠮᠤᠷᠢᠨ ᠮᠡᠷᠭᠡᠵᠢᠯ ᠤᠨ ᠤᠷᠤᠯᠳᠤᠭᠠᠨ᠂ ᠥᠪᠡᠷᠲᠡᠭᠡᠨ ᠵᠠᠰᠠᠬᠤ ᠤᠷᠤᠨ ᠤ ᠨᠠᠢᠮᠠᠳᠤᠭᠠᠷ | ᠤᠳᠠᠭᠠᠨ ᠤ ᠴᠥᠬᠡᠨ ᠲᠤᠭᠠᠲᠦ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ | ᠤᠷᠤᠯᠳᠤᠭᠠᠨ ᠲᠡᠮᠡᠴᠡᠭᠡᠨ ᠢ ᠡᠷᠬᠢᠯᠡᠵᠦ᠂ ᠬᠥᠭᠵᠢᠯ ᠳᠠᠪᠰᠢᠯ ᠤᠨ ᠦᠷ᠎ᠡ ᠪᠥᠲᠦᠭᠡᠯ ᠢᠶᠠᠨ ᠬᠦᠢᠴᠡᠳ ᠬᠠᠷᠠᠭᠤᠯᠵᠤ᠂ | ᠬᠥᠭᠵᠢᠯᠲᠡ ᠶᠢᠨ ᠲᠥᠪᠰᠢᠨ ᠢᠶᠠᠨ ᠪᠥᠬᠦ ᠬᠦᠴᠦᠨ ᠢᠶᠠᠷ ᠳᠡᠭᠡᠭᠰᠢᠯᠡᠭᠦᠯᠦᠨ᠂ ᠨᠥᠯᠦᠭᠡ ᠲᠤᠰᠬᠠᠯ ᠢᠶᠠᠨ | ᠥᠷᠭᠡᠳᠭᠡᠭᠰᠡᠨ ᠪᠠᠶᠢᠨ᠎ᠠ᠃ ᠤᠨᠴᠠᠭᠠᠶᠢᠯᠠᠨ᠂ 2014 ᠣᠨ ᠠᠴᠠ ᠨᠠᠰᠢ᠂ ᠪᠢᠲᠡ ᠥᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠤᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ | ᠨᠢᠭᠡᠲᠦᠯᠲᠠᠢ ᠪᠠᠶᠢᠷᠢᠯᠠᠭᠤᠯᠤᠯᠲᠠ ᠳᠤᠤᠷ᠎ᠠ᠂ ᠪᠥᠬᠦ ᠬᠤᠲᠠ ᠶᠢᠨ ᠬᠦᠴᠦᠨ ᠶᠢ ᠳᠠᠶᠢᠴᠢᠯᠠᠵᠤ᠂ ︽ᠠᠷᠪᠠ ᠶᠢ | ᠪᠥᠷᠬᠦᠭᠦᠯᠬᠦ︾ ᠢᠨᠵᠧᠨᠧᠷᠢᠩ ᠢ ᠬᠦᠨᠵᠡᠭᠡᠢ ᠠᠬᠢᠭᠤᠯᠵᠤ᠂ ᠢᠯᠠᠳᠲᠠ ᠠᠮᠵᠢᠯᠲᠠ ᠣᠯᠵᠤ᠂ ᠥᠪᠡᠷᠲᠡᠭᠡᠨ ᠵᠠᠰᠠᠬᠤ | ᠤᠷᠤᠨ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠠᠶᠢᠨ ᠦᠨᠡᠯᠡᠯᠲᠡ ᠶᠢ ᠣᠯᠣᠭᠰᠠᠨ | ᠪᠠᠶᠢᠨ᠎ᠠ᠃ ︽ᠠᠷᠪᠠ ᠶᠢ ᠪᠥᠷᠬᠦᠭᠦᠯᠬᠦ︾ ᠢᠨᠵᠧᠨᠧᠷᠢᠩ ᠤᠨ ᠬᠡᠷᠡᠭᠵᠢᠭᠦᠯᠦᠯᠲᠡ ᠨᠢ ᠮᠠᠨ ᠤ ᠬᠤᠲᠠ ᠶᠢᠨ ᠮᠠᠯᠵᠢᠬᠤ | ᠣᠷᠣᠨ ᠤ ᠳᠦᠷᠢ ᠲᠦᠷᠬᠦ ᠶᠢ ᠲᠦᠢᠯᠪᠣᠷᠢᠲᠠᠢ ᠥᠭᠡᠷᠡᠴᠢᠯᠡᠨ ᠰᠢᠨᠡᠳᠬᠡᠵᠦ᠂ ᠮᠠᠯᠴᠢᠳ ᠤᠨ ᠠᠮᠢᠳᠤᠷᠠᠯ ᠠᠬᠤᠢ᠂ | ᠣᠶᠣᠨ ᠰᠠᠨᠠᠭᠠᠨ ᠤ ᠬᠡᠪ ᠲᠦᠷᠬᠦ ᠢ ᠬᠦᠨᠵᠡᠭᠡᠢ ᠰᠢᠨᠡᠴᠢᠯᠡᠨ᠂ ᠬᠤᠲᠠ ᠬᠥᠳᠡᠭᠡᠨ ᠤ ᠵᠥᠷᠢᠶ᠎ᠡ ᠢᠯᠭᠠᠯ ᠢ ᠤᠯᠠᠮ | ᠨᠢᠭᠡ ᠠᠯᠬᠤᠮ ᠪᠠᠭᠠᠰᠬᠠᠪᠠ᠃ ᠨᠡᠩ ᠲᠤᠷᠠᠳᠣᠭᠤᠰᠢᠲᠠᠢ ᠨᠢ ᠪᠥᠬᠦ ᠺᠠᠳ᠋ᠷ ᠠᠵᠢᠯᠴᠢᠨ ᠬᠠᠳᠠᠭᠤᠵᠢᠨ | ᠪᠤᠯᠪᠠᠰᠣᠷᠠᠭᠳᠠᠵᠣ᠂ ᠨᠠᠮ ᠪᠠ ᠤᠯᠠᠨ ᠲᠥᠮᠡᠨ᠂ ᠺᠠᠳ᠋ᠷ ᠪᠠ ᠤᠯᠠᠨ ᠲᠥᠮᠡᠨ ᠤ ᠬᠠᠷᠢᠴᠠᠭ᠎ᠠ ᠨᠢ ᠨᠢᠭᠳᠠᠷᠠᠭᠰᠠᠨ | ᠪᠠᠶᠢᠨ᠎ᠠ᠃ ᠲᠠᠪᠤᠨ ᠵᠢᠯ ᠤᠨ ᠭᠠᠨᠵᠤᠭ᠎ᠠ ᠲᠦᠭᠦᠷᠡᠩ ᠠᠮᠵᠢᠯᠲᠠ ᠪᠠᠨ ᠡᠷᠬᠢᠴᠡᠭᠦᠯᠦᠨ ᠬᠠᠷᠠᠬᠤ ᠳᠤ᠂ ᠪᠢᠳᠡᠨ ᠮᠠᠩᠨᠠᠢ | ᠲᠡᠨᠢᠢᠨ ᠣᠮᠣᠭᠰᠢᠯ ᠲᠥᠷᠦᠨᠡ᠃ ᠡᠳᠡᠭᠡᠷ ᠠᠮᠵᠢᠯᠲᠠ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ | ᠂ ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠶᠢᠨ ᠦᠷ᠎ᠡ ᠪᠥᠲᠦᠮᠵᠢ ᠪᠣᠯᠬᠤ ᠶᠤᠮ᠃ | ᠮᠥᠨ ᠴᠦ᠂ ᠬᠤᠲᠠ ᠶᠢᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ | ᠬᠢᠨᠠᠯᠲᠠ ᠲᠡᠮᠵᠢᠯᠭᠡ ᠳᠣᠣᠷ᠎ᠠ ᠣᠯᠣᠭᠰᠠᠨ ᠪᠠᠶᠢᠨ᠎ᠠ᠃ ᠢᠯᠠᠩᠭᠤᠶ᠎ᠠ᠂ ᠪᠥᠬᠦ ᠬᠤᠲᠠ ᠶᠢᠨ ᠡᠯ᠎ᠡ ᠦᠨᠳᠦᠰᠦᠲᠡᠨ ᠤ | ᠠᠷᠠᠳ ᠲᠥᠮᠡᠨ ᠤ ᠬᠠᠮᠲᠦ ᠶᠢᠨ ᠴᠢᠷᠮᠠᠶᠢᠯᠭ᠎ᠠ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠳᠡᠮᠵᠢᠯᠭᠡ | ᠯᠤᠭ᠎ᠠ ᠰᠠᠯᠵᠤ ᠪᠤᠯᠤᠰᠢ ᠦᠭᠡᠢ ᠬᠠᠷᠢᠴᠠᠭ᠎ᠠ ᠲᠠᠢ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠢ | ᠲᠥᠯᠦᠭᠡᠯᠡᠨ᠂ ᠪᠥᠬᠦ ᠬᠤᠲᠠ ᠶᠢᠨ ᠡᠯ᠎ᠡ ᠦᠨᠳᠦᠰᠦᠲᠡᠨ ᠤ ᠺᠳᠡᠷ ᠣᠯᠠᠨ ᠲᠥᠮᠡᠨ ᠬᠢᠭᠡᠳ ᠮᠠᠨ ᠤ ᠬᠤᠲᠠ ᠶᠢᠨ | ᠪᠥᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠬᠦᠴᠦᠨ ᠢᠶᠠᠨ ᠡᠷᠭᠦᠭᠰᠡᠨ ᠨᠠᠶᠢᠵᠠ ᠨᠥᠬᠦᠳ ᠲᠡᠭᠡᠨ ᠴᠢᠩ | ᠰᠡᠳᠬᠢᠯ ᠤᠨ ᠪᠠᠶᠠᠷᠯᠠᠨ ᠲᠠᠯᠠᠷᠬᠠᠭᠰᠠᠨ ᠰᠡᠳᠬᠢᠯ ᠢᠶᠠᠨ ᠲᠡᠪᠰᠢᠭᠦᠯᠦᠶ᠎ᠡ᠃ | ᠠᠮᠵᠢᠯᠲᠠ ᠪᠥᠲᠦᠭᠡᠯ ᠳᠡᠭᠡᠨ ᠰᠡᠳᠬᠢᠯ ᠪᠠᠶᠠᠰᠬᠤ ᠶᠢᠨ ᠬᠠᠮᠲᠦ᠂ ᠪᠢᠳᠡ ᠡᠷᠬᠡᠪᠰᠢ ᠰᠢᠯᠢ ᠶᠢᠨ ᠬᠤᠲᠠ ᠶᠢᠨ | ᠬᠥᠭᠵᠢᠯᠲᠡ ᠲᠤᠲᠠᠮᠠᠭ᠂ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ ᠬᠥᠭᠵᠢᠯᠲᠡ ᠶᠢᠨ ᠳᠤᠮᠳᠠ ᠪᠠᠭ᠎ᠠ ᠪᠣᠰᠤ | ᠠᠰᠠᠭᠤᠳᠠᠯ ᠲᠥᠪᠡᠭ ᠲᠤᠯᠭᠠᠷᠠᠭ᠎ᠠ ᠪᠠᠶᠢᠳᠠᠯ ᠢ ᠰᠡᠷᠭᠡᠭ ᠢᠶᠠᠷ ᠣᠯᠵᠤ ᠲᠠᠨᠢᠬᠤ ᠬᠡᠷᠡᠭᠲᠠᠢ᠃ ᠭᠤᠣᠯᠳᠠᠭᠤ᠄ ᠬᠤᠷᠸ᠎ᠠ | ᠣᠷᠴᠢᠨ ᠶᠠᠳᠠᠷ ᠵᠣᠩᠰᠣᠩᠭᠤᠢ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠤᠯᠭᠠᠷᠠᠭᠰᠠᠨ︔ | ᠬᠥᠭᠵᠢᠯᠲᠡ ᠶᠢᠨ ᠬᠥᠳᠡᠯᠭᠡᠭᠴᠢ ᠬᠦᠴᠦᠨ ᠲᠤᠲᠠᠮᠠᠭ᠂ ᠠᠵᠤ ᠦᠢᠯᠡᠰ ᠤᠨ ᠪᠥᠲᠦᠴᠡ ᠳ᠋ᠠᠩ ᠴᠤᠯᠭᠤᠢ︔ ᠡᠳ᠋ | ᠤᠨ ᠵᠠᠰᠠᠭ ᠤᠨ ᠨᠡᠮᠡᠭᠳᠡᠯ ᠤᠨ ᠳᠠᠷᠤᠯᠲᠠ ᠶᠡᠭᠡ᠂ ᠣᠷᠤᠯᠭ᠎ᠠ ᠵᠠᠷᠤᠯᠭ᠎ᠠ ᠶᠢᠨ ᠵᠥᠷᠢᠴᠡᠯ ᠡᠳᠦᠷ ᠢᠷᠡᠬᠦᠶ᠎ᠡ ᠢᠯᠡᠷᠬᠡᠢ︔ | ᠬᠤᠲᠠ ᠶᠢᠨ ᠰᠠᠭᠤᠷᠢ ᠲᠥᠬᠦᠭᠡᠷᠦᠮᠵᠢ ᠪᠠᠭᠤᠷᠠᠢ᠂ ᠬᠠᠮᠢᠶᠠᠷᠤᠯᠲᠠ ᠶᠢᠨ ᠲᠥᠪᠰᠢᠨ ᠲᠣᠣᠷ᠎ᠠ︔ ᠠᠮᠢ ᠠᠬᠤᠢ ᠶᠢᠨ | ᠣᠷᠴᠢᠨ ᠬᠡᠪᠷᠡᠭ᠂ ᠬᠡᠷᠡᠭᠴᠡᠭᠡ ᠬᠠᠩᠭᠠᠯᠭ᠎ᠠ ᠶᠢᠨ ᠵᠦᠷᠢᠴᠡᠯ ᠡᠳᠦᠷ ᠢᠷᠡᠬᠦᠶ᠎ᠡ ᠲᠤᠪᠤᠶᠢᠮ᠎ᠠ︔ ᠬᠥᠭᠵᠢᠯᠲᠡ ᠶᠢᠨ | ᠣᠷᠴᠢᠨ ᠲᠤᠭᠤᠷᠢᠨ ᠢ ᠰᠢᠯᠢᠳᠡᠭᠵᠢᠭᠦᠯᠬᠦ ᠴᠢᠬᠤᠯᠠ ᠲᠠᠢ᠂ ᠵᠠᠰᠠᠭ ᠤᠨ ᠣᠷᠳᠤᠨ ᠤ ᠴᠢᠳᠠᠪᠬᠢ ᠶᠢ ᠤᠯᠠᠮ ᠨᠢᠭᠡ | ᠠᠯᠬᠤᠮ ᠬᠤᠪᠢᠷᠠᠭᠤᠯᠬᠤ ᠵᠣᠬᠢᠰᠲᠠᠢ︔ ᠡᠶᠢᠮᠦ ᠠᠴᠠ ᠪᠢᠳᠡ ᠡᠷᠬᠡᠪᠰᠢ ᠲᠠᠷᠢᠬᠢ ᠲᠣᠯᠤᠭᠠᠢ ᠪᠠᠨ ᠬᠤᠷᠴᠠ ᠰᠡᠷᠭᠡᠭ | ᠪᠠᠶᠢᠯᠭᠠᠵᠤ᠂ ᠢᠲᠡᠭᠡᠯ ᠵᠣᠷᠢᠭ ᠢᠶᠠᠨ ᠬᠥᠪᠴᠢᠯᠡᠨ᠂ ᠦᠷ᠎ᠡ ᠪᠥᠲᠦᠮᠵᠢᠲᠦ ᠠᠷᠭ᠎ᠠ ᠠᠪᠴᠠᠯ ᠢᠶᠠᠷ ᠳᠠᠮᠵᠢᠭᠤᠯᠤᠨ | ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠠᠢ᠃ | ᠬᠤᠶᠠᠷ᠂ ︽ᠠᠷᠪᠠᠨ ᠭᠤᠷᠪᠠᠳᠣᠭᠠᠷ ᠲᠠᠪᠤᠨ ᠵᠢᠯ ᠤᠨ ᠲᠥᠯᠦᠪᠵᠢᠭᠦᠯᠦᠯᠭᠡ︾ ᠶᠢᠨ ᠬᠤᠭᠤᠴᠠᠭᠠᠨ ᠳᠠᠬᠢ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠬᠠᠷᠠᠯᠲᠠ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠬᠤᠲᠠ ᠶᠢᠨ ᠬᠥᠭᠵᠢᠯᠲᠡ ᠶᠢᠨ | ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠵᠤ ᠠᠬᠤᠢ ᠶᠢᠨ ᠦᠷᠭᠦᠯᠵᠢᠯᠡᠭᠰᠡᠨ ᠡᠷᠡᠭᠦᠯ ᠬᠥᠭᠵᠢᠯᠲᠡ ᠶᠢᠨ | ᠵᠠᠩᠭᠢᠯᠠᠭ᠎ᠠ ᠶᠢᠨ ᠴᠠᠭ ᠦᠶ᠎ᠡ᠂ ᠮᠥᠨ ᠴᠦ ᠬᠦᠴᠦᠨ ᠢᠶᠠᠨ ᠲᠥᠪᠯᠡᠷᠡᠭᠦᠯᠵᠦ ᠴᠢᠨᠡᠭᠡᠯᠢᠭ ᠨᠡᠶᠢᠭᠡᠮ ᠢ ᠪᠥᠲᠦᠭᠡᠨ | ᠪᠠᠶᠢᠭᠤᠯᠬᠤ ᠰᠢᠢᠳᠪᠦᠷᠢᠯᠡᠭᠴᠢ ᠤᠳᠬ᠎ᠠ ᠠᠭᠤᠯᠭ᠎ᠠ ᠪᠥᠬᠦᠢ ᠴᠠᠭ ᠦᠶ᠎ᠡ ᠪᠣᠯᠬᠤ ᠶᠤᠮ᠃ ᠡᠭᠦᠨ ᠠᠴᠠ ᠬᠤᠶᠢᠰᠢᠬᠢ | ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠤᠯ᠄ ᠨᠠᠮ ᠤᠨ ᠠᠷᠪᠠᠨ ᠨᠠᠢᠮᠠᠳᠣᠭᠠᠷ | ᠬᠤᠭᠤᠴᠠᠭᠠᠨ ᠤ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠ ᠲᠦᠷᠪᠡ᠂ ᠲᠠᠪᠣᠳᠣᠭᠠᠷ ᠪᠦᠬᠦᠲᠡ | ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠣᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ | ᠤᠨ ᠲᠦᠷᠪᠡᠳᠦᠭᠡᠷ ᠬᠤᠷᠠᠯ᠂ ᠡᠯ᠎ᠡ ᠱᠠᠳᠣᠨ ᠤ ᠠᠵᠣ ᠠᠬᠤᠢ ᠶᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ | ᠪᠠᠷ ᠲᠤᠤᠱᠯᠠᠭᠤᠯᠵᠣ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠶᠠᠷᠢᠶᠠᠨ ᠤ ᠵᠣᠷᠢᠭ ᠰᠠᠨᠠᠭ᠎ᠠ ᠪᠣᠯᠣᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ | ᠪᠣᠳᠤᠯᠭ᠎ᠠ ᠶᠢᠨ ᠪᠠᠶᠢᠷᠢᠯᠠᠭᠤᠯᠤᠯᠲᠠ ᠪᠣᠯᠣᠨ ︽ᠲᠠᠪᠤᠨ ᠶᠡᠭᠡ ᠬᠥᠭᠵᠢᠯᠲᠡ ᠶᠢᠨ ᠣᠶᠢᠯᠭᠠᠭᠳᠠᠬᠤᠨ︾ ᠢ ᠪᠠᠷᠢᠮᠲᠠᠯᠠᠵᠤ | ᠂ ᠬᠥᠭᠵᠢᠯᠲᠡ ᠶᠢ ᠲᠡᠷᠢᠭᠦᠨ ᠪᠠᠶᠢᠷᠢᠨ ᠳᠤ ᠲᠠᠯᠪᠢᠨ᠂ ︽ᠲᠣᠭᠲᠠᠭᠤᠨ ᠤ ᠳᠤᠮᠳᠠ ᠤᠷᠤᠭᠰᠢᠯᠠᠬᠤ︾ ᠠᠵᠢᠯ ᠤᠨ | ᠶᠡᠷᠦᠩᠬᠡᠢ ᠵᠢᠯᠤᠭᠤᠳᠤᠯᠭ᠎ᠠ ᠳᠣᠣᠷ᠎ᠠ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠯᠤᠭ᠎ᠠ | ᠰᠠᠨᠠᠭᠠᠴᠢᠯᠠᠭ᠎ᠠ ᠠᠴᠠ ᠪᠠᠨ ᠵᠤᠬᠢᠴᠠᠨ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ | ᠠᠵᠤ ᠠᠬᠤᠢ᠂ ᠤᠯᠤᠰ ᠲᠥᠷᠦ᠂ ᠰᠤᠶᠤᠯ᠂ ᠨᠡᠶᠢᠭᠡᠮ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠵᠡᠷᠭᠡ ᠶᠢ | ᠨᠢᠭᠡᠲᠦᠯᠵᠢᠭᠦᠯᠦᠨ ᠠᠬᠢᠭᠤᠯᠵᠤ᠂ ᠠᠵᠤ ᠦᠢᠯᠡᠰ ᠤᠨ ᠣᠨᠴᠠᠯᠢᠭ ᠢᠯᠭᠤᠮ ᠲᠤᠳᠤ᠂ ᠬᠤᠲᠠ ᠬᠥᠳᠡᠭᠡᠨ ᠤ | ᠴᠢᠳᠠᠪᠬᠢ ᠳᠡᠭᠡᠭᠰᠢᠯᠡᠭᠰᠡᠨ᠂ ᠠᠮᠢ ᠠᠬᠤᠢ ᠶᠢᠨ ᠣᠷᠴᠢᠨ ᠲᠣᠭᠤᠷᠢᠨ ᠭᠤᠸᠠᠯᠢᠭ ᠰᠠᠶᠢᠬᠠᠨ᠂ ᠠᠷᠠᠳ ᠤᠨ | ᠠᠮᠢᠳᠤᠷᠠᠯ ᠤᠨ ᠠᠵᠢᠯ ᠦᠢᠯᠡᠰ ᠥᠷᠨᠢᠨ ᠬᠥᠭᠵᠢᠵᠦ᠂ ᠨᠡᠶᠢᠭᠡᠮ ᠡᠪ ᠨᠠᠶᠢᠷᠠᠮᠳᠠᠭᠤ᠂ ᠡᠶ᠎ᠡ ᠵᠤᠬᠢᠴᠠᠩᠭᠤᠢ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠵᠠᠮ ᠢᠶᠠᠷ ᠵᠠᠮᠨᠠᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠥᠲᠦᠭᠡᠨ ᠪᠠᠶᠢᠭᠤᠯᠬᠤ | ᠠᠵᠢᠯ ᠤᠨ ᠬᠠᠷᠠᠯᠲᠠ ᠪᠠᠨ ᠪᠡᠶᠡᠯᠡᠭᠦᠯᠦᠨ᠎ᠡ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ ᠬᠢᠭᠡᠳ ᠭᠤᠣᠯ ᠡᠭᠦᠷᠭᠡ᠄ | ︵ᠨᠢᠭᠡ︶ ᠶᠡᠷᠦᠩᠬᠡᠶᠢᠯᠡᠭᠰᠡᠨ ᠬᠦᠴᠦᠨ ᠢᠶᠠᠨ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ᠃ ᠠᠵᠤ | ᠠᠬᠤᠢ ᠶᠢᠨ ᠬᠥᠭᠵᠢᠯᠲᠡ ᠶᠢᠨ ᠳᠤᠮᠳᠠ ᠥᠨᠳᠦᠷ ᠬᠡᠮᠵᠢᠶᠡᠨ ᠤ ᠥᠰᠦᠯᠲᠡ ᠶᠢ ᠪᠠᠲᠤᠯᠠᠵᠤ᠂ ᠬᠥᠭᠵᠢᠯᠲᠡ ᠶᠢᠨ ᠴᠢᠨᠠᠷ | ᠪᠠ ᠠᠰᠢᠭ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠬᠤᠲᠠ ᠶᠢᠨ ᠭᠠᠵᠠᠷ ᠤᠷᠤᠨ ᠤ ᠦᠢᠯᠡᠳᠪᠦᠷᠢᠯᠡᠯ ᠤᠨ | ᠶᠡᠷᠦᠩᠬᠡᠢ ᠥᠷᠳᠡᠭ ᠤᠨ ᠵᠢᠯ ᠳᠤᠮᠳᠠᠴᠢ ᠶᠢᠨ ᠥᠰᠦᠯᠲᠡ 8.5% ᠭᠠᠷᠤᠢ᠂ ᠪᠥᠬᠦ ᠨᠡᠶᠢᠭᠡᠮ ᠤᠨ ᠲᠣᠭᠳᠠᠮᠠᠯ | ᠬᠥᠷᠦᠩᠭᠡ ᠶᠢᠨ ᠪᠡᠯᠡ ᠣᠷᠣᠭᠤᠯᠤᠯᠲᠠ ᠶᠢᠨ ᠵᠢᠯ ᠳᠤᠮᠳᠠᠴᠢ ᠶᠢᠨ ᠥᠰᠦᠯᠲᠡ12% ᠭᠠᠷᠤᠢ᠂ ᠡᠩ ᠤᠨ ᠤᠯᠠᠨ | ᠨᠡᠶᠢᠲᠡ ᠶᠢᠨ ᠲᠥᠰᠦᠪ ᠤᠨ ᠣᠷᠤᠯᠭ᠎ᠠ ᠶᠢᠨ ᠵᠢᠯ ᠳᠤᠮᠳᠠᠴᠢ ᠶᠢᠨ ᠥᠰᠦᠯᠲᠡ 8% ᠠᠴᠠ ᠳᠡᠭᠡᠭᠰᠢ᠂ ᠴᠢᠨᠡᠭᠡᠯᠢᠭ | ᠨᠡᠶᠢᠭᠡᠮ ᠤᠨ ᠡᠯ᠎ᠡ ᠲᠥᠷᠦᠯ ᠤᠨ ᠬᠢᠨᠠᠨ ᠬᠡᠮᠵᠢᠯᠲᠡ ᠶᠢᠨ ᠭᠦᠢᠴᠡᠳᠬᠡᠯ ᠲᠤᠭ᠎ᠠ ᠶᠢ ᠪᠥᠬᠦᠨ ᠢ ᠪᠡᠶᠡᠯᠡᠭᠦᠯᠵᠦ᠂ ᠭᠠᠵᠠᠷ | ᠣᠷᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠲᠠᠲᠤ ᠬᠦᠴᠦᠨ ᠪᠥᠬᠦ ᠣᠷᠤᠨ ᠤ ᠡᠮᠦᠨ᠎ᠡ ᠡᠩᠨᠡᠭᠡᠨ ᠳᠤ | ᠵᠢᠭᠰᠠᠭᠠᠭᠳᠠᠨ᠎ᠠ᠃ | ︵ᠬᠤᠶᠠᠷ︶ ᠬᠡᠯᠪᠡᠷᠢ ᠶᠢ ᠬᠤᠪᠢᠷᠠᠭᠤᠯᠤᠨ᠂ ᠳᠡᠰ ᠳᠡᠪᠰᠢᠭᠦᠯᠵᠦ᠂ ᠠᠮᠵᠢᠯᠲᠠ ᠣᠯᠬᠤ᠃ ᠣᠳᠤ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠷᠬᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ | ᠬᠥᠭᠵᠢᠯᠲᠡ ᠶᠢ ᠰᠢᠨ᠎ᠡ ᠱᠠᠲᠤᠨ ᠳᠤ ᠬᠦᠷᠭᠡᠨ᠂ ᠣᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠠᠷᠢᠴᠠᠯ | ᠢᠯᠠᠳᠲᠠ ᠳᠡᠭᠡᠭᠰᠢᠯᠡᠵᠦ᠂ ᠰᠢᠨᠵᠢᠯᠡᠭᠡ ᠮᠡᠷᠭᠡᠵᠢᠯ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠤᠪᠢ | ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠡᠰᠢᠴᠢᠯᠡᠭᠰᠡᠨ ᠬᠥᠭᠵᠢᠯᠲᠡ᠂ ᠤᠯᠠᠨ ᠲᠤᠶᠢᠯᠲᠤ | ᠲᠤᠯᠭᠠᠭᠤᠷᠢᠯᠠᠯ ᠪᠥᠬᠦᠢ ᠣᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠦᠨᠳᠦᠰᠦᠨ ᠳᠡᠭᠡᠨ ᠪᠥᠷᠢᠯᠳᠦᠭᠦᠯᠦᠨ᠎ᠡ | ᠃ ᠮᠠᠯ ᠠᠵᠤ ᠠᠬᠤᠢ ᠶᠢᠨ ᠠᠵᠤ ᠦᠢᠯᠡᠰᠵᠢᠭᠰᠡᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠨᠡᠷ᠎ᠡ ᠲᠡᠮᠳᠡᠭᠵᠢᠭᠰᠡᠨ | ᠬᠥᠭᠵᠢᠯᠲᠡ ᠶᠢ ᠢᠳᠡᠪᠬᠢᠲᠠᠢ ᠲᠦᠯᠬᠢᠨ ᠠᠬᠢᠭᠤᠯᠵᠤ᠂ ᠡᠨᠧᠷᠬᠢ ᠶᠢᠨ ᠰᠠᠭᠤᠷᠢᠨ ᠭᠠᠵᠠᠷ ᠬᠢᠭᠡᠳ ᠣᠨᠴᠠ ᠥᠨᠳᠦᠷ | ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠬᠤᠩᠬᠢᠯ ᠤᠨ ᠪᠥᠲᠦᠭᠡᠨ ᠪᠠᠶᠢᠭᠤᠯᠤᠯᠲᠠ ᠶᠢ ᠲᠦᠷᠬᠡᠳᠬᠡᠨ᠂ | ᠪᠤᠬᠢᠷᠳᠤᠯ ᠦᠭᠡᠢ ᠮᠠᠯ ᠲᠠᠷᠢᠶᠠᠯᠩ ᠤᠨ ᠪᠥᠲᠦᠭᠡᠭᠳᠡᠭᠦᠨ ᠢ ᠦᠢᠯᠡᠳᠪᠦᠷᠢᠯᠡᠨ ᠪᠤᠯᠪᠠᠰᠤᠷᠠᠭᠤᠯᠵᠤ ᠭᠠᠳᠠᠭᠰᠢ ᠭᠠᠷᠭᠠᠬᠤ | ᠰᠠᠭᠤᠷᠢᠨ ᠭᠠᠵᠠᠷ᠂ ᠴᠡᠪᠡᠷ ᠡᠨᠧᠷᠬᠢ ᠶᠢᠨ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠣᠨ ᠲᠤᠭᠤᠷᠢᠨ ᠵᠤᠭᠠᠴᠠᠬᠤ᠂ | ᠰᠡᠯᠡᠭᠦᠴᠡᠨ ᠠᠮᠠᠷᠠᠬᠤ ᠰᠠᠭᠤᠷᠢᠨ ᠭᠠᠵᠠᠷ ᠶᠢ ᠪᠥᠲᠦᠭᠡᠨ ᠪᠠᠶᠢᠭᠤᠯᠤᠨ᠎ᠠ᠃ ᠲᠤᠨᠤᠭ ᠲᠥᠭᠦᠭᠡᠷᠦᠮᠵᠢ ᠦᠢᠯᠡᠳᠬᠦ᠂ | ᠰᠢᠨ᠎ᠡ ᠡᠨᠧᠷᠬᠢ ᠰᠢᠨ᠎ᠡ ᠮᠠᠲ᠋ᠧᠷᠢᠶᠠᠯ ᠵᠡᠷᠭᠡ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠡᠰᠨᠢᠨ ᠮᠠᠨᠳᠤᠭᠰᠠᠨ | ᠠᠵᠤ ᠦᠢᠯᠡᠰ ᠢ ᠪᠥᠬᠦ ᠬᠦᠴᠦᠨ ᠢᠶᠠᠷ ᠬᠥᠭᠵᠢᠭᠦᠯᠵᠦ᠂ ᠠᠵᠤ ᠠᠬᠤᠢ ᠶᠢᠨ ᠰᠢᠨ᠎ᠡ ᠥᠰᠦᠯᠲᠡ ᠶᠢᠨ ᠴᠡᠭ ᠢ ᠪᠤᠢ | ᠪᠤᠯᠭᠠᠨ᠎ᠠ᠃ ᠵᠢᠵᠢᠭ ᠪᠦᠭᠡᠮ ᠢᠶᠠᠷ ᠪᠤᠷᠣᠯᠠᠭᠤᠯᠬᠤ᠂ ᠢᠳᠡᠭᠡᠨ ᠤᠮᠳᠠᠭᠠᠨ ᠪᠠᠭᠤᠳᠠᠯ ᠤᠨ ᠦᠢᠯᠡᠰ᠂ ᠰᠣᠶᠣᠯ | ᠵᠤᠭᠠᠴᠠᠯ ᠤᠨ ᠦᠢᠯᠡᠰ ᠢ ᠪᠠᠲᠤᠳᠬᠠᠨ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭ᠎ᠠ᠂ ᠣᠳᠤ ᠦᠶ᠎ᠡ ᠶᠢᠨ | ᠪᠤᠳᠠᠰ ᠤᠨ ᠭᠦᠢᠯᠭᠡᠭᠡ᠂ ᠡᠷᠡᠭᠦᠯᠵᠢᠯ ᠨᠠᠰᠦᠵᠢᠯ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ | ᠢᠳᠡᠪᠬᠢᠲᠠᠢ ᠬᠥᠭᠵᠢᠭᠦᠯᠦᠨ᠂ ᠦᠢᠯᠡᠴᠢᠯᠡᠭᠡᠨ ᠤ ᠦᠢᠯᠡᠰ ᠪᠤᠯᠤᠨ ᠠᠵᠤ ᠦᠢᠯᠡᠳᠪᠦᠷᠢᠵᠢᠯᠡᠯᠲᠡ᠂ ᠰᠤᠷᠠᠭ | ᠵᠠᠩᠭᠢᠵᠢᠯᠠᠯᠲᠠ᠂ ᠬᠤᠲᠠ ᠪᠠᠯᠭᠠᠰᠣᠵᠢᠯᠲᠠ ᠪᠤᠯᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠯᠤᠭ᠎ᠠ | ᠤᠶᠠᠯᠳᠤᠨ ᠬᠥᠭᠵᠢᠬᠦ ᠶᠢ ᠠᠬᠢᠭᠤᠯᠤᠨ᠎ᠠ᠃ ᠬᠤᠲᠠ ᠪᠠᠯᠭᠠᠰᠤᠨ ᠤ ᠬᠠᠮᠢᠶᠠᠷᠤᠯᠲᠠ ᠶᠢᠨ ᠲᠥᠪᠰᠢᠨ ᠢ | ᠳᠡᠭᠡᠭᠰᠢᠯᠡᠭᠦᠯᠦᠨ᠂ ᠦᠵᠡᠰᠬᠦᠯᠡᠩᠲᠦ ᠰᠠᠶᠢᠬᠠᠨ ᠮᠠᠯᠵᠢᠬᠤ ᠣᠷᠤᠨ ᠢ ᠪᠥᠲᠦᠭᠡᠨ ᠪᠠᠶᠢᠭᠤᠯᠵᠤ᠂ ᠬᠤᠲᠠ ᠬᠥᠳᠡᠭᠡᠨ ᠤ | ᠨᠢᠭᠡ ᠴᠤᠭᠴᠠᠵᠢᠭᠰᠠᠨ ᠨᠢᠭᠡᠲᠦᠯᠲᠦ ᠬᠥᠭᠵᠢᠯᠲᠡ ᠶᠢ ᠴᠤᠭᠴᠠᠯᠠᠨ ᠪᠠᠶᠢᠭᠤᠯᠤᠨ᠎ᠠ᠃ | ︵ᠭᠤᠷᠪᠠ︶ ᠠᠮᠢᠳᠤᠷᠠᠯ ᠤᠨ ᠴᠢᠨᠠᠷ ᠴᠢᠨᠰᠠᠭ᠎ᠠ ᠶᠢ ᠮᠡᠳᠡᠭᠳᠡᠭᠦᠶᠢᠴᠡ ᠳᠡᠭᠡᠭᠰᠢᠯᠡᠭᠦᠯᠦᠨ᠎ᠡ᠃ ᠬᠤᠲᠠ | ᠬᠥᠳᠡᠭᠡᠨ ᠤ ᠰᠠᠭᠤᠭᠠᠯᠢ ᠠᠷᠠᠳ ᠤᠨ ᠣᠷᠤᠯᠭ᠎ᠠ ᠶᠢᠨ ᠨᠡᠮᠡᠭᠳᠡᠯ ᠢ ᠠᠵᠣ ᠠᠬᠤᠢ ᠶᠢᠨ ᠬᠥᠭᠵᠢᠯᠲᠡ ᠲᠠᠢ ᠢᠵᠢᠯ | ᠠᠯᠬᠤᠮ ᠢᠶᠠᠷ ᠨᠡᠮᠡᠭᠲᠡᠭᠦᠯᠦᠨ᠂ ᠬᠦᠲᠡᠯᠮᠦᠷᠢᠴᠢᠳ ᠤᠨ ᠬᠥᠯᠦᠰᠦ ᠤᠯᠭᠤᠮᠵᠢ ᠶᠢ ᠦᠢᠯᠡᠳᠪᠦᠷᠢᠯᠡᠯ ᠤᠨ ᠨᠤᠷᠮ᠎ᠠ | ᠯᠤᠭ᠎ᠠ ᠢᠵᠢᠯ ᠠᠯᠬᠤᠮ ᠢᠶᠠᠷ ᠲᠡᠭᠡᠭᠰᠢᠯᠡᠭᠦᠯᠦᠨ᠂ ᠣᠷᠤᠯᠭ᠎ᠠ ᠶᠢᠨ ᠪᠥᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠤᠯᠠᠨ ᠲᠦᠮᠡᠨ ᠤ ᠠᠮᠢᠳᠤᠷᠠᠯ ᠤᠨ ᠬᠢᠷᠢ ᠲᠥᠪᠰᠢᠨ ᠴᠢᠨᠠᠷ ᠴᠢᠨᠰᠠᠭ᠎ᠠ ᠶᠢ ᠮᠡᠳᠡᠭᠳᠡᠭᠦᠶᠢᠴᠡ | ᠲᠡᠭᠡᠭᠰᠢᠯᠡᠭᠦᠯᠦᠨ᠂ ᠬᠤᠲᠠ ᠬᠥᠳᠡᠭᠡᠨ ᠤ ᠪᠠᠶᠢᠩᠭᠤ ᠰᠠᠭᠤᠭ᠎ᠠ ᠠᠷᠠᠳ ᠤᠨ ᠣᠷᠤᠯᠭ᠎ᠠ ᠪᠤᠯᠤᠨ ᠬᠥᠮᠦᠨ ᠳᠣᠮᠳᠠᠴᠢ | ᠶᠢᠨ ᠡᠵᠡᠮᠳᠡᠵᠦ ᠪᠣᠯᠬᠤᠶᠢᠴᠠ ᠣᠷᠤᠯᠭ᠎ᠠ ᠶᠢᠨ ᠵᠢᠯ ᠤᠨ ᠨᠡᠮᠡᠭᠳᠡᠯ ᠤᠨ ᠬᠡᠮᠵᠢᠶ᠎ᠡ ᠶᠢ ᠲᠤᠰᠪᠤᠷᠢ 8.6% ᠪᠣᠯᠣᠨ10. | 4% ᠬᠡᠮᠵᠢᠶᠡᠨ ᠳᠤ ᠬᠦᠷᠭᠡᠬᠦ ᠪᠠᠷ ᠴᠢᠷᠮᠠᠶᠢᠵᠣ᠂ ᠣᠷᠤᠯᠭ᠎ᠠ ᠶᠢᠨ ᠬᠡᠮᠵᠢᠶ᠎ᠡ ᠶᠢ ᠪᠥᠬᠦ ᠣᠷᠤᠨ ᠤ ᠳᠤᠮᠳᠠᠴᠢ | ᠣᠷᠣᠯᠭ᠎ᠠ ᠶᠢᠨ ᠬᠡᠮᠵᠢᠶᠡᠨ ᠠᠴᠠ ᠥᠨᠳᠦᠷ ᠲᠦᠪᠰᠢᠨ ᠳᠤ ᠪᠠᠶᠢᠯᠭᠠᠨ᠎ᠠ᠃ ᠪᠥᠬᠦ ᠤᠯᠤᠰ ᠤᠨ ᠰᠢᠶᠠᠨ ᠤ ᠳᠡᠰ ᠤᠨ | ᠪᠤᠯᠪᠠᠰᠤᠨ ᠬᠤᠲᠠ᠂ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠬᠤᠲᠠᠶᠢ ᠠᠮᠵᠢᠯᠲᠠᠲᠠᠢ ᠪᠥᠲᠦᠭᠡᠨ | ᠪᠠᠶᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠠᠶᠢᠮᠠᠭ ᠤᠨ ᠲᠥᠪ | ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠨ᠎ᠠ᠃ ᠶᠠᠳᠠᠭᠤ ᠶᠢ ᠳᠡᠳᠬᠦᠬᠦ ᠠᠵᠢᠯ ᠳᠤ ᠪᠠᠲᠣᠲᠠᠢ | ᠠᠮᠵᠢᠯᠲᠠ ᠣᠯᠣᠨ᠎ᠠ᠃ | ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠪᠡᠭᠡᠵᠢᠩ | ᠲᠢᠶᠠᠨᠵᠢᠨ ᠤ ᠡᠯᠡᠰᠦᠨ ᠤ ᠡᠬᠢ ᠶᠢᠨ ᠵᠠᠰᠠᠯᠲᠠ᠂ ᠭᠤᠣᠯᠳᠠᠯᠭᠠᠲᠤ ᠣᠷᠤᠨ ᠤ ᠨᠣᠭᠤᠭᠠᠷᠠᠭᠤᠯᠤᠯᠲᠠ᠂ ᠨᠠᠮᠤᠭ | ᠭᠠᠵᠠᠷ ᠤᠨ ᠬᠠᠮᠠᠭᠠᠯᠠᠯᠲᠠ᠂ ᠤᠰᠤᠨ ᠰᠤᠷᠪᠤᠯᠵᠢ ᠶᠢᠨ ᠵᠠᠰᠠᠯᠲᠠ᠂ ᠠᠭᠤᠷᠬᠠᠢ ᠶᠢᠨ ᠣᠷᠴᠢᠨ ᠲᠤᠭᠤᠷᠢᠨ ᠤ | ᠶᠡᠷᠦᠩᠬᠡᠢ ᠵᠠᠰᠠᠯᠲᠠ ᠵᠡᠷᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠯ᠎ᠠ ᠨᠤᠲᠤᠭ ᠤᠨ ᠤᠷᠭᠤᠮᠠᠯ | ᠪᠤᠯᠤᠨ ᠤᠢ ᠰᠢᠭᠤᠢ ᠶᠢᠨ ᠪᠥᠷᠬᠦᠴᠡ ᠶᠢ ᠳᠡᠭᠡᠭᠰᠢᠯᠡᠭᠦᠯᠦᠨ᠎ᠡ᠃ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ | ᠠᠷᠭ᠎ᠠ ᠠᠪᠴᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ | ᠲᠤᠭᠤᠷᠢᠨ ᠲᠠᠢ ᠨᠥᠬᠦᠷᠰᠡᠭ ᠬᠡᠯᠪᠡᠷᠢ ᠶᠢᠨ ᠠᠮᠢ ᠠᠬᠤᠢ ᠶᠢᠨ ᠪᠤᠯᠪᠠᠰᠤᠨ ᠤ ᠲᠥᠷᠢᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ᠬᠠᠣᠯᠢ ᠶᠢᠨ ᠬᠡᠷᠡᠭᠵᠢᠭᠦᠯᠦᠯᠲᠡ ᠶᠢ ᠴᠢᠩᠭᠠᠳᠬᠠᠵᠦ᠂ ᠪᠥᠬᠦ ᠨᠡᠶᠢᠭᠡᠮ ᠤᠨ ᠠᠮᠢ ᠠᠬᠤᠢ ᠶᠢᠨ | ᠪᠤᠯᠪᠠᠰᠤᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | ︵ᠳᠠᠪᠤ︶ ᠪᠠᠳᠤᠯᠠᠭ᠎ᠠ ᠶᠢᠨ ᠴᠢᠳᠠᠪᠬᠢ ᠶᠢ ᠢᠯᠡᠳᠲᠠ ᠴᠢᠩᠭᠠᠳᠬᠠᠨ᠎ᠠ᠃ ᠳᠦᠷᠪᠡᠨ ᠵᠦᠭ ᠢ ᠬᠤᠯᠪᠤᠭᠰᠠᠨ | ᠶᠡᠷᠦᠩᠭᠡᠶᠢᠯᠡᠭᠰᠡᠨ ᠵᠠᠮ ᠬᠠᠷᠢᠯᠴᠠᠭᠠᠨ ᠤ ᠳᠡᠭᠡᠭᠡᠪᠦᠷᠢ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ | ᠬᠦᠭᠵᠢᠯᠳᠡ ᠶᠢ ᠳᠤᠯᠭᠠᠭᠤᠷᠢᠯᠠᠬᠤ ᠪᠠᠳᠤᠯᠠᠭ᠎ᠠ ᠶᠢᠨ ᠴᠢᠳᠠᠪᠬᠢ ᠶᠢ ᠮᠡᠳᠡᠭᠳᠡᠭᠦᠶᠢᠴᠡ ᠲᠡᠭᠡᠭᠰᠢᠯᠡᠭᠦᠯᠦᠨ᠎ᠡ᠃ ᠤᠯᠤᠰ | ᠤᠨ ᠦᠨᠳᠦᠷ ᠬᠤᠷᠳᠤᠴᠠᠳᠤ ᠵᠠᠰᠠᠮᠠᠯ ᠵᠠᠮ᠂ ᠤᠯᠤᠰ ᠮᠤᠵᠢ ᠶᠢᠨ ᠭᠤᠤᠯ ᠵᠠᠮ᠂ ᠮᠠᠯᠵᠢᠬᠤ ᠤᠷᠤᠨ ᠤ ᠵᠠᠰᠠᠮᠠᠯ ᠵᠠᠮ᠂ | ᠵᠢᠭᠤᠯᠴᠢᠯᠠᠯ ᠤᠨ ᠵᠠᠰᠠᠮᠠᠯ ᠵᠠᠮ᠂ ᠳᠡᠮᠦᠷ ᠵᠠᠮ ᠪᠠ ᠡᠨᠧᠷᠬᠢ ᠵᠦᠭᠡᠭᠡᠪᠦᠷᠢᠯᠡᠬᠦ ᠵᠠᠮ ᠱᠣᠭᠤᠮ ᠤᠨ ᠪᠦᠳᠦᠭᠡᠨ | ᠪᠠᠶᠢᠭᠤᠯᠤᠯᠳᠠ ᠶᠢ ᠠᠬᠢᠭᠤᠯᠵᠤ᠂ ᠠᠭᠤᠷᠬᠠᠢ ᠶᠢᠨ ᠤᠷᠤᠨ᠂ ᠬᠦᠷᠢᠶᠡᠯᠡᠩ ᠳᠤᠭᠤᠷᠢᠭ ᠤᠨ ᠳᠡᠮᠦᠷ ᠵᠠᠮ ᠤᠨ | ᠳᠤᠰᠬᠠᠢ ᠱᠤᠭᠤᠮ ᠢ ᠳᠡᠭᠦᠯᠳᠡᠷᠵᠢᠭᠦᠯᠦᠨ᠂ ᠨᠢᠰᠭᠡᠯ ᠤᠨ ᠪᠠᠭᠤᠳᠠᠯ ᠢ ᠦᠷᠭᠡᠳᠭᠡᠨ ᠪᠠᠶᠢᠭᠤᠯᠣᠨ ᠳᠡᠰ ᠳᠡᠪᠰᠢᠭᠦᠯᠵᠦ | ᠂ ᠨᠡᠶᠢᠰᠯᠡᠯ ᠳᠤ ᠤᠷᠤᠬᠤ ᠠᠶᠠᠨᠴᠢᠳ ᠤᠨ ᠳᠡᠭᠡᠭᠡᠪᠦᠷᠢ ᠪᠠ ᠤᠯᠠᠨ ᠤᠯᠤᠰ ᠤᠨ ᠨᠢᠰᠭᠡᠯ ᠤᠨ ᠵᠠᠮ ᠱᠤᠭᠤᠮ ᠢ | ᠡᠷᠳᠡ ᠨᠢᠭᠡ ᠡᠳᠦᠷ ᠨᠡᠪᠳᠡᠷᠡᠭᠦᠯᠦᠨ᠎ᠡ︔ ᠬᠤᠳᠠ ᠶᠢᠨ ᠴᠠᠬᠢᠯᠭᠠᠨ ᠳᠤᠤᠷ ᠤᠨ ᠵᠠᠰᠠᠨ ᠰᠠᠶᠢᠵᠢᠷᠠᠭᠤᠯᠤᠯᠳᠠ ᠪᠠ | ᠬᠦᠲᠡᠭᠡ ᠲᠤᠰᠬᠤᠨ ᠤ ᠴᠠᠬᠢᠯᠭᠠᠨ ᠳᠤᠤᠷ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ︔ ᠤᠰᠤᠨ | ᠠᠰᠢᠭᠯᠠᠯᠳᠠ ᠶᠢᠨ ᠰᠠᠭᠤᠷᠢ ᠳᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠬᠢᠷᠢ ᠳᠦᠪᠰᠢᠨ ᠢ | ᠳᠡᠭᠡᠭᠰᠢᠯᠡᠭᠦᠯᠦᠨ᠎ᠡ︔ ᠰᠤᠷᠠᠭ ᠵᠠᠩᠬᠢ ᠴᠢᠮᠡᠭᠡ ᠬᠤᠯᠪᠣᠭᠠᠨ ᠤ ᠳᠤᠤᠷ ᠰᠦᠯᠵᠢᠶ᠎ᠡ ᠶᠢ ᠳᠡᠭᠦᠯᠳᠡᠷᠵᠢᠭᠦᠯᠵᠦ᠂ ᠲᠣᠮᠦ | ᠳᠤᠭ᠎ᠠ ᠪᠠᠷᠢᠮᠳᠠ ᠶᠢᠨ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠵᠦ ︽ᠭᠤᠷᠪᠠᠨ ᠳᠤᠤᠷ ᠤᠨ ᠣᠶᠠᠯᠳᠣᠯ︾ ᠢ ᠪᠦᠭᠦ | ᠳᠠᠯ᠎ᠠ ᠪᠠᠷ ᠳᠦᠯᠬᠢᠨ ᠠᠬᠢᠭᠤᠯᠤᠨ᠎ᠠ᠃ | ︵ᠵᠢᠷᠭᠤᠭ᠎ᠠ︶ ᠪᠠᠶᠢᠭᠤᠯᠤᠯ ᠳᠤᠭᠳᠠᠴᠠ ᠶᠢ ᠤᠯᠠᠮ ᠳᠡᠭᠦᠯᠳᠡᠷᠵᠢᠭᠦᠯᠦᠨ᠎ᠡ᠃ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠪᠠ ᠵᠠᠩᠬᠢᠯᠠᠭ᠎ᠠ ᠶᠢᠨ ᠭᠤᠭᠴᠤᠭᠠᠨ ᠤ ᠦᠭᠡᠷᠡᠴᠢᠯᠡᠯᠳᠡ ᠶᠢ ᠳᠤᠮᠤ ᠴᠢᠬᠤᠯᠠ ᠰᠢᠪᠳᠤᠯᠤᠯᠳᠠ ᠲᠠᠢ ᠪᠤᠯᠭᠠᠨ᠂ | ᠳᠤᠳᠤᠭᠠᠳᠤ ᠭᠠᠳᠠᠭᠠᠳᠤ ᠲᠠᠢ ᠪᠦᠬᠦ ᠲᠠᠯ᠎ᠠ ᠪᠠᠷ ᠴᠢᠯᠦᠭᠡᠲᠡᠢ ᠶᠠᠪᠣᠯᠴᠠᠬᠤ ᠪᠠᠶᠢᠳᠠᠯ ᠦᠨᠳᠦᠰᠦᠨ ᠳᠡᠭᠡᠨ | ᠪᠦᠷᠢᠯᠳᠦᠭᠰᠡᠨ ᠪᠠᠶᠢᠨ᠎ᠠ᠃ ᠠᠵᠤ ᠠᠬᠤᠢ ᠶᠢᠨ ᠪᠦᠳᠦᠴᠡ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠵᠠᠰᠠᠭ | ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠣᠯ ᠤᠨ ᠦᠭᠡᠷᠡᠴᠢᠯᠡᠯᠳᠡ ᠶᠢ ᠠᠬᠢᠭᠤᠯᠵᠤ᠂ ᠬᠦᠭᠵᠢᠯᠲᠡ ᠶᠢᠨ ᠠᠮᠢᠵᠢᠷᠠᠯ | ᠤᠨ ᠬᠦᠴᠦᠨ ᠪᠠ ᠵᠠᠰᠠᠭ ᠵᠠᠬᠢᠷᠭᠠᠨ ᠤ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠠᠰᠠᠭ ᠢ | ᠴᠣᠮᠬᠠᠳᠬᠠᠨ ᠡᠷᠬᠡ ᠶᠢ ᠲᠤᠷᠤᠭᠰᠢ ᠪᠠᠭᠤᠯᠭᠠᠬᠤ ᠶᠢ ᠶᠡᠭᠡᠪᠡᠷ ᠲᠦᠯᠬᠢᠨ ᠠᠬᠢᠭᠤᠯᠵᠦ᠂ ᠬᠦᠭᠵᠢᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠦᠨ᠎ᠡ᠃ ︽ᠬᠤᠶᠠᠷ ᠢ ᠡᠭᠦᠳᠬᠦ︾ ᠶᠢ ᠢᠳᠡᠪᠬᠢᠲᠡᠢ ᠠᠬᠢᠭᠤᠯᠵᠦ᠂ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦ ᠶᠢ ᠪᠠᠳᠠᠷᠠᠭᠤᠯᠣᠨ᠎ᠠ᠃ | ᠭᠤᠷᠪᠠ᠂ 2016 ᠤᠨ ᠤ ᠭᠤᠤᠯᠳᠠᠯᠭ᠎ᠠ ᠲᠠᠢ ᠠᠵᠢᠯ | 2016 ᠤᠨ ᠪᠤᠯ ︽ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠭᠦᠯᠦᠯᠭᠡ ᠶᠢ ᠬᠡᠷᠡᠭᠵᠢᠭᠦᠯᠭᠦ | ᠡᠬᠢᠯᠡᠯᠳᠡ ᠶᠢᠨ ᠵᠢᠯ ᠪᠤᠯᠤᠨ᠎ᠠ᠃ ᠳᠤᠰ ᠵᠢᠯ ᠤᠨ ᠡᠯ᠎ᠡ ᠳᠦᠷᠦᠯ ᠤᠨ ᠠᠵᠢᠯ ᠢ ᠰᠠᠶᠢᠳᠤᠷ ᠬᠢᠭᠦ ᠨᠢ ᠳᠤᠩ ᠶᠡᠭᠡ | ᠤᠳᠬ᠎ᠠ ᠠᠭᠤᠯᠭ᠎ᠠ ᠲᠠᠢ ᠶᠤᠮ᠃ ᠶᠡᠷᠦᠩᠭᠡᠢ ᠳᠤ ᠨᠢ ᠠᠪᠴᠤ ᠭᠡᠯᠡᠪᠡᠯ᠂ ᠪᠢᠲᠡᠨ ᠳᠤ ᠳᠤᠯᠭᠠᠷᠠᠵᠤ ᠪᠠᠶᠢᠭ᠎ᠠ | ᠦᠷᠢᠰᠦᠯᠳᠦᠭᠡᠨ ᠪᠠ ᠠᠵᠠ ᠳᠤᠬᠢᠶᠠᠯ ᠵᠡᠷᠭᠡᠴᠡᠨ ᠤᠷᠤᠰᠢᠵᠦ ᠪᠠᠶᠢᠭ᠎ᠠ ᠶᠤᠮ᠃ ᠠᠵᠠ ᠳᠤᠬᠢᠶᠠᠯ ᠨᠢ | ᠦᠷᠢᠰᠦᠯᠳᠦᠭᠡᠨ ᠠᠴᠠ ᠶᠡᠭᠡ᠃ ᠮᠠᠨ ᠤ ᠬᠤᠳᠠ ᠡᠯᠪᠡᠭ ᠪᠠᠶᠠᠯᠢᠭ ᠡᠬᠢ ᠪᠠᠶᠠᠯᠢᠭ ᠪᠠ ᠰᠢᠯᠢᠳᠡᠭ ᠰᠠᠶᠢᠨ ᠤᠷᠤᠨ | ᠪᠠᠶᠢᠷᠢ ᠶᠢᠨ ᠳᠠᠪᠠᠭᠤᠯᠢᠭ ᠲᠠᠭᠠᠨ ᠳᠦᠰᠢᠭᠯᠡᠵᠦ᠂ ᠤᠯᠤᠰ ᠤᠨ ᠴᠡᠪᠡᠷ ᠡᠨᠧᠷᠬᠢ ᠶᠢ ᠭᠠᠳᠠᠭᠰᠢ ᠭᠠᠷᠭᠠᠬᠤ᠂ | ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ᠂ | ᠵᠢᠭᠤᠯᠴᠢᠯᠡᠯ ᠰᠡᠯᠡᠭᠦᠴᠡᠨ ᠵᠤᠭᠠᠴᠠᠬᠤ ᠵᠡᠷᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ | ᠶᠢ ᠠᠬᠢᠭᠤᠯᠵᠤ᠂ ᠬᠦᠭᠵᠢᠯᠳᠡ ᠶᠢ ᠳᠦᠷᠭᠡᠳᠭᠡᠭᠦ ᠳᠤ ᠯᠤᠳᠤ ᠶᠡᠭᠡ ᠬᠦᠳᠡᠯᠭᠡᠭᠦ ᠬᠦᠴᠦᠨ ᠬᠤᠷᠠᠮᠳᠣᠭᠤᠯᠬᠤ ᠬᠡᠷᠡᠭᠲᠠᠢ | ︔ ᠤᠯᠤᠰ ᠠᠴᠠ ᠪᠠᠷᠠᠭᠤᠨ ᠤᠷᠤᠨ ᠪᠠ ᠦᠨᠳᠦᠰᠦᠳᠡᠨ ᠤ ᠭᠠᠵᠠᠷ ᠤᠷᠤᠨ ᠢ ᠳᠡᠮᠵᠢᠭᠦ ᠬᠦᠴᠦᠯᠡᠴᠡ ᠪᠠᠨ | ᠦᠷᠭᠦᠯᠵᠢᠯᠡᠨ ᠨᠡᠮᠡᠭᠲᠡᠭᠦᠯᠬᠦ ᠨᠢ ᠬᠦᠭᠵᠢᠯᠳᠡ ᠶᠢ ᠳᠦᠷᠭᠡᠳᠭᠡᠭᠦ ᠳᠤ ᠤᠯᠳᠠᠬᠤᠶ᠎ᠠ ᠪᠡᠷᠭᠡ ᠳᠦᠷᠦ ᠶᠢᠨ ᠪᠤᠳᠤᠯᠭ᠎ᠠ | ᠶᠢᠨ ᠤᠷᠴᠢᠨ ᠠᠬᠤᠢ ᠶᠢ ᠪᠦᠷᠢᠯᠳᠦᠭᠦᠯᠵᠦ ᠥᠭᠭᠦᠭᠰᠡᠨ ᠪᠠᠶᠢᠨ᠎ᠠ︔ ᠨᠠᠮ ᠤᠨ ᠳᠦᠪ ᠬᠤᠷᠢᠶ᠎ᠠ᠂ ᠦᠪᠡᠷᠳᠡᠭᠡᠨ | ᠵᠠᠰᠠᠬᠤ ᠤᠷᠤᠨ ᠤ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠡᠷᠡᠭᠵᠢᠭᠦᠯᠵᠦ ︽ | ᠨᠢᠭᠡ ᠪᠦᠰᠡ ᠨᠢᠭᠡ ᠵᠠᠮ︾᠂ ᠳᠤᠮᠳᠠᠳᠤ᠂ ᠤᠷᠤᠰ᠂ ᠮᠤᠩᠭᠤᠯ ᠤᠯᠤᠰ ᠤᠨ ᠠᠵᠤ ᠠᠬᠤᠢ ᠶᠢᠨ ᠬᠤᠩᠬᠢᠯ ᠤᠨ | ᠪᠦᠳᠦᠭᠡᠨ ᠪᠠᠶᠢᠭᠤᠯᠤᠯᠳᠠ ᠵᠡᠷᠭᠡ ᠪᠠᠶᠢᠯᠳᠤᠬᠤ ᠪᠤᠳᠤᠯᠭ᠎ᠠ ᠶᠢ ᠠᠬᠢᠭᠤᠯᠵᠤ᠂ ᠬᠦᠭᠵᠢᠭᠰᠡᠨ ᠤᠷᠤᠨ ᠤ ᠠᠵᠤ ᠦᠢᠯᠡᠰ | ᠤᠨ ᠰᠢᠯᠵᠢᠯᠲᠡ ᠶᠢ ᠳᠦᠷᠭᠡᠳᠭᠡᠵᠦ᠂ ᠤᠯᠤᠰ ᠤᠨ ᠳᠤᠳᠤᠭᠠᠳᠤ ᠶᠢᠨ ᠬᠡᠷᠡᠭᠯᠡᠭᠡᠨ ᠤ ᠪᠦᠳᠦᠴᠡ ᠶᠢ ᠪᠦᠭᠦ ᠳᠠᠯ᠎ᠠ | ᠪᠠᠷ ᠳᠡᠰ ᠲᠡᠪᠰᠢᠭᠦᠯᠦᠨ᠂ ᠮᠠᠨ ᠤ ᠬᠤᠳᠠ ᠶᠢᠨ ᠠᠵᠤ ᠠᠬᠤᠢ ᠶᠢᠨ ᠪᠦᠳᠦᠴᠡ ᠶᠢ ᠳᠤᠬᠢᠷᠠᠭᠤᠯᠬᠤ᠂ ᠬᠦᠭᠵᠢᠯᠳᠡ | ᠶᠢᠨ ᠳᠤᠳᠠᠭᠤᠳᠠᠯ ᠢᠶᠠᠨ ᠨᠦᠭᠦᠪᠦᠷᠢᠯᠡᠭᠦ᠂ ᠭᠠᠳᠠᠭᠠᠳᠤ ᠳᠤ ᠨᠡᠭᠡᠭᠡᠯᠳᠡ ᠬᠢᠭᠦ ᠶᠢ ᠳᠦᠷᠭᠡᠳᠭᠡᠭᠦ ᠳᠤ ᠡᠷᠬᠢᠮ ᠨᠠᠨᠳᠢᠨ | ᠠᠵᠠ ᠵᠠᠪᠰᠢᠶᠠᠨ ᠬᠠᠩᠭᠠᠭᠰᠠᠨ ᠪᠠᠶᠢᠨ᠎ᠠ᠃ ᠪᠢᠳᠡ ᠠᠵᠠ ᠳᠤᠬᠢᠶᠠᠯ ᠢ ᠠᠮᠵᠢᠨ ᠡᠵᠡᠮᠳᠡᠵᠦ᠂ ᠯᠠᠪᠳᠠᠭᠤᠨ ᠪᠠᠳᠤᠳᠠᠢ | ᠠᠵᠢᠯᠯᠠᠨ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠥᠯᠦᠪᠵᠢᠭᠦᠯᠦᠯᠭᠡ ᠶᠢᠨ ᠰᠢᠯᠢᠳᠡᠭ ᠰᠠᠶᠢᠨ ᠡᠬᠢᠯᠡᠯᠳᠡ | ᠶᠢ ᠪᠡᠶᠡᠯᠡᠭᠦᠯᠵᠦ᠂ ᠤᠬᠢ ᠰᠢᠯᠢᠳᠡᠭ ᠬᠢᠷᠢ ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 | ᠵᠢᠯ ᠤᠨ ᠤᠢ ᠶᠢ ᠣᠭᠳᠣᠶ᠎ᠠ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠲᠡᠭᠡᠳᠦ ᠱᠠᠲᠣᠨ ᠤ ᠡᠯ᠎ᠡ | ᠲᠦᠷᠦᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠳᠤᠤᠱᠯᠠᠭᠤᠯᠵᠤ᠂ ︽ᠳᠠᠪᠤ ᠶᠢ ᠨᠢᠭᠡ ᠴᠤᠭᠴᠠᠵᠢᠭᠤᠯᠬᠤ︾ | ᠪᠠ ︽ᠳᠦᠷᠪᠡᠨ ᠪᠦᠭᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠣᠯᠲᠠ ᠶᠣᠰᠣᠭᠠᠷ᠂ | ᠬᠦᠭᠵᠢᠯᠳᠡ ᠶᠢᠨ ᠲᠠᠪᠣᠨ ᠶᠡᠭᠡ ᠣᠶᠢᠯᠠᠭᠠᠭᠳᠠᠬᠤᠨ ᠢ ᠪᠠᠲᠦ ᠪᠠᠬᠢ ᠪᠤᠯᠭᠠᠵᠤ᠂ ᠠᠵᠤ ᠠᠬᠤᠢ ᠶᠢᠨ ᠬᠦᠭᠵᠢᠯᠳᠡ ᠶᠢᠨ | ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨᠲ᠋ᠤᠬᠢᠷᠠᠯᠴᠠᠵᠤ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ | ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠦ᠂ ᠦᠷ᠎ᠡ ᠠᠰᠢᠬᠲᠤ ᠪᠡᠯᠡ ᠤᠷᠤᠭᠤᠯᠤᠯᠳᠠ ᠶᠢ | ᠨᠡᠮᠡᠭᠳᠡᠭᠦᠯᠵᠦ᠂ ᠨᠡᠮᠡᠭᠳᠡᠯ ᠤᠨ ᠨᠦᠭᠡᠴᠡ ᠬᠦᠴᠦᠨ ᠢ ᠬᠦᠴᠦᠯᠡᠨ ᠬᠤᠷᠠᠮᠳᠤᠭᠤᠯᠤᠨ᠎ᠠ︔ ᠠᠵᠤ ᠦᠢᠯᠡᠰ ᠤᠨ | ᠪᠦᠳᠦᠴᠡ ᠶᠢ ᠰᠢᠯᠢᠳᠡᠭᠵᠢᠭᠦᠯᠦᠨ᠂ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠭᠦᠯᠭᠦ ᠶᠢ ᠬᠦᠴᠦᠯᠡᠨ ᠠᠬᠢᠭᠤᠯᠤᠨ᠎ᠠ︔ | ᠪᠠᠶᠢᠭᠤᠯᠤᠯ ᠳᠤᠭᠳᠠᠴᠠ ᠶᠢ ᠲᠡᠭᠦᠯᠳᠡᠷᠵᠢᠭᠦᠯᠦᠨ᠂ ᠬᠦᠭᠵᠢᠯᠳᠡ ᠶᠢᠨ ᠠᠮᠢᠳᠤᠯᠢᠭ ᠬᠦᠴᠦᠨ ᠢ ᠬᠦᠴᠦᠯᠡᠨ | ᠨᠡᠮᠡᠭᠳᠡᠭᠦᠯᠦᠨ᠎ᠡ︔ ᠰᠠᠭᠤᠷᠢ ᠨᠦᠭᠦᠴᠡᠯ ᠢ ᠰᠠᠶᠢᠵᠢᠷᠠᠭᠤᠯᠤᠨ᠂ ᠪᠠᠳᠤᠯᠠᠭ᠎ᠠ ᠶᠢᠨ ᠴᠢᠳᠠᠪᠬᠢ ᠶᠢ ᠬᠦᠴᠦᠯᠡᠨ | ᠳᠡᠭᠡᠭᠰᠢᠯᠡᠭᠦᠯᠦᠨ᠎ᠡ︔ ᠠᠷᠠᠳ ᠤᠨ ᠠᠮᠢᠳᠤᠷᠠᠯ ᠢ ᠶᠡᠬᠡᠪᠡᠷ ᠰᠠᠶᠢᠵᠢᠷᠠᠭᠤᠯᠤᠨ᠂ ᠨᠡᠶᠢᠭᠡᠮ ᠡᠶ᠎ᠡ ᠵᠤᠬᠢᠴᠠᠯ ᠲᠠᠢ ᠪᠠᠶᠢᠬᠤ | ᠶᠢ ᠬᠦᠴᠦᠯᠡᠨ ᠠᠬᠢᠭᠤᠯᠵᠤ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠰᠢᠯᠢᠳᠡᠭ ᠰᠠᠶᠢᠨ ᠡᠬᠢᠯᠡᠯᠳᠡ ᠶᠢ ᠴᠢᠷᠮᠠᠶᠢᠨ ᠪᠡᠶᠡᠯᠡᠭᠦᠯᠦᠨ᠎ᠡ᠃ | ᠭᠤᠤᠯ ᠪᠤᠯᠬᠤ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠶᠢᠨ ᠶᠡᠷᠦᠩᠬᠡᠢ ᠥᠷᠲᠡᠭ ᠢ | 10 % ᠪᠠᠷ ᠨᠡᠮᠡᠭᠳᠡᠭᠦᠯᠦᠨ᠎ᠡ᠃ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠤᠨ ᠨᠡᠮᠡᠭᠲᠡᠯ | ᠥᠷᠳᠡᠭ ᠢ ᠲᠤᠰᠪᠣᠷᠢ 11.4%᠂ 7.1 %᠂ 10.5% ᠪᠠᠷ ᠨᠡᠮᠡᠭᠲᠡᠭᠦᠯᠵᠦ᠂ ᠡᠭᠦᠨ ᠤ ᠳᠤᠮᠳᠠ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠢ 7.1% ᠪᠠᠷ ᠨᠡᠮᠡᠭᠳᠡᠭᠦᠯᠦᠨ᠎ᠡ᠃ ᠪᠦᠭᠦ ᠨᠡᠶᠢᠭᠡᠮ ᠤᠨ ᠳᠤᠭᠳᠠᠮᠠᠯ | ᠬᠦᠷᠦᠩᠭᠡ ᠶᠢᠨ ᠪᠡᠯᠡ ᠣᠷᠣᠭᠤᠯᠣᠯᠲᠠ ᠶᠢᠨ ᠨᠡᠮᠡᠭᠳᠡᠯ ᠢ 21.6% ᠪᠠᠷ ᠨᠡᠮᠡᠭᠳᠡᠭᠦᠯᠦᠨ᠎ᠡ᠃ ᠨᠡᠶᠢᠳᠡ ᠶᠢᠨ ᠡᠳ᠋ ᠤᠨ | ᠵᠠᠰᠠᠭ ᠤᠨ ᠳᠦᠰᠦᠪ ᠤᠨ ᠤᠷᠤᠯᠭ᠎ᠠ ᠶᠢ 11.1% ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠳᠠᠸᠠᠷ | ᠤᠨ ᠵᠢᠵᠢᠭᠯᠡᠨ ᠪᠤᠷᠤᠯᠠᠭᠤᠯᠤᠯᠳᠠ ᠶᠢ 11.5% ᠪᠠᠷ ᠨᠡᠮᠡᠭᠳᠡᠭᠦᠯᠦᠨ᠎ᠡ᠃ ᠬᠤᠳᠠ ᠬᠦᠳᠡᠭᠡ ᠶᠢᠨ ᠪᠠᠶᠢᠩᠭᠤ | ᠰᠠᠭᠤᠷᠢᠰᠢᠬᠤ ᠰᠠᠭᠤᠭᠠᠯᠢ ᠠᠷᠠᠳ ᠤᠨ ᠬᠦᠮᠦᠨ ᠲᠣᠮᠳᠠᠴᠢ ᠶᠢᠨ ᠡᠵᠡᠮᠳᠡᠵᠦ ᠪᠣᠯᠬᠤᠶᠢᠴᠠ ᠤᠷᠤᠯᠭ᠎ᠠ ᠶᠢ ᠳᠤᠰ | ᠪᠦᠷᠢ 9% ᠪᠠ 10.5% ᠪᠠᠷ ᠨᠡᠮᠡᠭᠳᠡᠭᠦᠯᠦᠨ᠎ᠡ᠃ 4000 ᠬᠦᠮᠦᠨ ᠳᠤ ᠰᠢᠨ᠎ᠡ ᠪᠠᠷ ᠠᠵᠢᠯ ᠣᠯᠭᠤᠵᠦ᠂ | ᠪᠦᠳᠦᠴᠡ ᠶᠢᠨ ᠴᠢᠨᠠᠷ ᠲᠠᠢ ᠦᠭᠡᠷᠡᠴᠢᠯᠡᠯᠳᠡ ᠶᠢ ᠠᠬᠢᠯᠲᠠ ᠲᠠᠢ ᠪᠣᠯᠭᠠᠨ᠎ᠠ᠃ | ᠲᠡᠭᠡᠷᠡᠬᠢ ᠬᠠᠷᠠᠯᠳᠠ ᠶᠢᠨ ᠳᠤᠭᠤᠷᠢᠨ ᠳᠤ᠂ ᠲᠣᠣᠷᠠᠬᠢ ᠭᠡᠳᠦᠨ ᠳᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠳᠤᠷ ᠬᠢᠨ᠎ᠡ᠃ | ︵ᠨᠢᠭᠡ︶ ᠪᠦᠳᠦᠴᠡ ᠵᠢᠨᠥᠭᠡᠷᠡᠴᠢᠯᠡᠯᠲᠡ ᠶᠢ ᠠᠬᠢᠭᠤᠯᠤᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ | ᠢᠶᠠᠷ ᠬᠥᠭᠵᠢᠬᠦ ᠶᠢ ᠠᠬᠢᠭᠤᠯᠣᠨ᠎ᠠ᠃ ᠨᠥᠭᠡᠴᠡ ᠶᠢ ᠡᠷᠬᠢᠯᠲᠡ ᠲᠠᠢ ᠪᠣᠯᠭᠠᠬᠤ ᠪᠤᠯᠤᠨ ᠨᠡᠮᠡᠭᠲᠡᠯ ᠬᠡᠮᠵᠢᠶ᠎ᠡ ᠶᠢ | ᠥᠷᠭᠡᠳᠬᠡᠬᠦ ᠶᠢ ᠬᠠᠮᠳᠣ ᠳᠤᠨᠢ ᠶᠠᠪᠤᠭᠲᠠᠭᠤᠯᠵᠤ᠂ ︽ᠭᠤᠷᠪᠠ ᠶᠢ ᠠᠷᠢᠯᠭᠠᠵᠣ ᠨᠢᠭᠡ ᠶᠢ ᠪᠠᠭᠤᠷᠠᠭᠤᠯᠤᠨ ᠨᠢᠭᠡ ᠶᠢ | ᠨᠥᠬᠦᠪᠦᠷᠢᠯᠡᠬᠦ︾ ᠲᠠᠪᠣᠨ ᠶᠡᠭᠡ ᠡᠭᠦᠷᠭᠡ ᠶᠢ ᠰᠠᠶᠢᠳᠣᠷ ᠨᠠᠶᠢᠳᠠᠪᠣᠷᠢᠵᠢᠭᠤᠯᠤᠨ᠂ ᠠᠵᠤ ᠠᠬᠤᠢ ᠶᠢᠨ ᠬᠥᠭᠵᠢᠯᠲᠡ | ᠶᠢᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠣᠷᠠᠯᠲᠠ ᠦᠭᠡᠢ ᠲᠡᠭᠡᠭᠰᠢᠯᠡᠭᠦᠯᠦᠨ᠎ᠡ᠃ | ᠨᠥᠭᠡᠴᠡ ᠠᠵᠤ ᠠᠬᠤᠢ ᠶᠢ ᠲᠤᠬᠢᠷᠠᠭᠤᠯᠤᠨ ᠰᠢᠯᠢᠳᠡᠭᠵᠢᠭᠦᠯᠵᠦ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢ ᠲᠤᠭᠲᠠᠪᠤᠷᠢᠵᠢᠭᠤᠯᠤᠨ᠎ᠠ᠃ ᠠᠵᠤ ᠠᠬᠤᠢ ᠶᠢᠨ ᠡᠷᠬᠢᠯᠲᠡ ᠶᠢ ᠵᠠᠳᠠᠯᠵᠤ ᠰᠣᠳᠣᠯᠬᠤ ᠪᠠ ᠬᠢᠨᠠᠨ | ᠬᠡᠮᠵᠢᠵᠦ ᠲᠣᠬᠢᠷᠠᠭᠤᠯᠬᠤ ᠶᠢ ᠴᠢᠩᠭᠠᠳᠬᠠᠨ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠶᠢᠨ | ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ | ᠲᠤᠮᠳᠠᠬᠢ ᠬᠦᠴᠢᠷᠲᠡᠯ ᠪᠠ ᠠᠰᠠᠭᠤᠲᠠᠯ ᠢ ᠦᠨᠡᠨᠬᠦ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠥᠪᠡᠷ ᠤᠨ ᠥᠷᠳᠡᠭ | ᠢ ᠴᠢᠷᠮᠠᠶᠢᠨ ᠲᠤᠷᠣᠭᠰᠢᠯᠠᠭᠤᠯᠣᠨᠠ᠃ ᠥᠪᠡᠷ ᠤᠨ ᠥᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠲᠡᠭᠦᠯᠬᠦ | ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠦᠨ᠂ ᠵᠠᠰᠠᠭ ᠢ ᠴᠣᠮᠬᠠᠳᠬᠠᠵᠣ ᠡᠷᠬᠡ ᠶᠢ ᠲᠤᠷᠣᠭᠰᠢ ᠲᠠᠯᠪᠢᠬᠤ᠂ | ᠭᠠᠶᠢᠯᠢ ᠠᠴᠠ ᠬᠡᠯᠳᠦᠷᠢᠭᠦᠯᠬᠦ᠂ ᠮᠥᠩᠭᠦᠨ ᠭᠦᠢᠯᠭᠡᠭᠡ ᠪᠠᠷ ᠲᠡᠳᠬᠦᠬᠦ᠂ ᠴᠠᠬᠢᠯᠭᠠᠨ ᠬᠦᠴᠦᠨ ᠤ ᠦᠨ᠎ᠡ ᠬᠠᠩᠰᠢ᠂ | ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠵᠡᠷᠭᠡ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠤᠨ᠂ ︽ | ᠨᠡᠶᠢᠯᠡᠮᠡᠯ ᠬᠦᠴᠦᠨ︾ ᠢ ᠰᠠᠶᠢᠳᠣᠷ ᠠᠳᠬᠤᠵᠣ᠂ ᠪᠦᠬᠦ ᠬᠦᠴᠦᠨ ᠢᠶᠠᠷ ᠢᠶᠠᠨ ᠠᠵᠣ ᠠᠬᠤᠶᠢᠯᠠᠯ ᠢ ᠬᠠᠪᠰᠣᠷᠣᠨ | ᠰᠠᠭᠠᠳ ᠬᠦᠴᠦᠨ ᠢ ᠠᠷᠢᠯᠭᠠᠨ᠂ ᠠᠰᠢᠭ ᠣᠯᠬᠤ ᠴᠢᠳᠠᠪᠬᠢ ᠪᠤᠯᠤᠨ ᠦᠷᠭᠦᠯᠵᠢᠯᠡᠨ ᠬᠥᠭᠵᠢᠬᠦ ᠶᠢ ᠲᠠᠰᠣᠷᠠᠯᠲᠠ | ᠦᠭᠡᠢ ᠨᠡᠮᠡᠭᠲᠡᠭᠦᠯᠦᠨ᠎ᠡ᠃ ᠦᠯᠡᠭᠦᠳᠡᠯ ᠦᠢᠯᠡᠳᠪᠦᠷᠢᠯᠡᠯ ᠤᠨ ᠴᠢᠳᠠᠪᠬᠢ ᠳᠤ ᠲᠤᠬᠢᠷᠠᠭᠤᠯᠤᠯᠲᠠ ᠬᠢᠵᠦ | ᠰᠢᠯᠢᠳᠡᠭᠵᠢᠭᠦᠯᠦᠨ᠎ᠡ᠃ ᠥᠮᠴᠢ ᠬᠥᠷᠦᠩᠭᠡ ᠨᠢ ᠥᠭᠴᠡᠭᠡᠨ ᠳᠡᠭᠡᠨ ᠬᠦᠷᠬᠦ ᠦᠭᠡᠢ᠂ ᠵᠢᠯ ᠲᠠᠷᠠᠭᠠᠯᠠᠨ ᠬᠤᠬᠢᠷᠠᠯ ᠳᠤ | ᠣᠴᠠᠷᠠᠵᠣ᠂ ︽ᠠᠮᠢᠵᠢᠷᠠᠯ ᠤᠨ ᠬᠦᠴᠦᠨ ᠦᠭᠡᠢ ᠠᠵᠤ ᠠᠬᠤᠶᠢᠯᠠᠯ︾ ᠤᠨ ᠪᠡᠯᠡ ᠬᠥᠷᠦᠩᠭᠡ ᠶᠢ ᠲᠠᠬᠢᠵᠤ | ᠲᠤᠬᠢᠷᠠᠭᠤᠯᠬᠤ᠂ ᠥᠮᠴᠢᠯᠡᠯ ᠤᠨ ᠡᠷᠬᠡ ᠶᠢ ᠰᠢᠯᠵᠢᠭᠦᠯᠬᠦ᠂ ᠲᠠᠮᠫᠣᠷᠠᠭᠤᠯᠵᠤ ᠲᠤᠶᠢᠯᠪᠤᠷᠢᠲᠠᠢ ᠲᠤᠭᠠᠴᠠᠭ᠎ᠠ ᠬᠢᠬᠦ ᠵᠡᠷᠭᠡ | ᠠᠷᠭ᠎ᠠ ᠪᠠᠷᠢᠯ ᠢᠶᠠᠷ ᠬᠠᠣᠯᠢ ᠶᠣᠰᠣᠭᠠᠷ ᠰᠢᠭᠰᠢᠵᠦ ᠭᠠᠷᠭᠠᠨ᠎ᠠ᠃ ᠠᠵᠣ ᠠᠬᠤᠶᠢᠯᠠᠯ ᠢ ᠢᠲᠡᠪᠬᠢᠲᠠᠢ ᠪᠠᠷ ᠬᠥᠳᠦᠯᠦᠨ | ᠵᠢᠯᠣᠭᠤᠳᠴᠣ᠂ ᠬᠤᠷᠣᠭᠲᠠᠯ ᠢ ᠪᠠᠭᠤᠷᠠᠭᠤᠯᠤᠨ ᠦᠷ᠎ᠡ ᠠᠰᠢᠭ ᠢ ᠨᠡᠮᠡᠭᠲᠡᠭᠦᠯᠬᠦ᠂ ᠲᠡᠰ ᠲᠡᠪᠰᠢᠭᠦᠯᠬᠦ᠂ | ᠬᠠᠮᠳᠣᠷᠠᠭᠤᠯᠤᠨ ᠲᠡᠬᠢᠨ ᠪᠠᠶᠢᠭᠤᠯᠬᠤ᠂ ᠠᠵᠣ ᠦᠢᠯᠡᠰ ᠢ ᠰᠢᠯᠵᠢᠭᠦᠯᠵᠦ ᠬᠥᠭᠵᠢᠭᠦᠯᠬᠦ ᠵᠡᠷᠭᠡ ᠠᠷᠭ᠎ᠠ ᠪᠠᠷᠢᠯ ᠢᠶᠠᠷ | ᠲᠠᠮᠵᠢᠨ ᠠᠵᠣ ᠠᠬᠤᠶᠢᠯᠠᠯ ᠤᠨ ᠠᠮᠢᠵᠢᠷᠠᠯ ᠤᠨ ᠬᠦᠴᠦᠨ ᠢ ᠪᠠᠳᠠᠷᠠᠭᠤᠯᠣᠨ᠎ᠠ᠃ ᠰᠢᠨ᠎ᠡ ᠶᠢ ᠡᠭᠦᠳᠬᠦ ᠬᠦᠲᠡᠯᠭᠡᠬᠦ | ᠬᠦᠴᠦᠨ ᠤ ᠪᠠᠶᠢᠯᠳᠣᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠣᠳᠣᠬᠠᠨ ᠤ ᠠᠵᠣ ᠠᠬᠤᠶᠢᠯᠠᠯ ᠢ | ᠵᠣᠷᠢᠭᠵᠢᠭᠤᠯᠣᠨ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠂ ᠲᠤᠮᠲᠠ ᠵᠢᠵᠢᠭ ᠠᠵᠣ ᠠᠬᠤᠶᠢᠯᠠᠯ | ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠡᠮᠵᠢᠨ᠎ᠡ᠃ ᠬᠡᠷ ᠭᠠᠵᠠᠷ ᠬᠥᠷᠦᠩᠭᠡ ᠶᠢᠨ ᠨᠥᠭᠡᠴᠡ ᠬᠠᠳᠠᠭᠠᠯᠠᠭᠳᠠᠴᠠ | ᠶᠢ ᠡᠮᠬᠢ ᠵᠢᠷᠣᠮ ᠲᠠᠢ ᠰᠢᠩᠭᠡᠭᠡᠵᠦ ᠰᠢᠢᠳᠪᠦᠷᠢᠯᠡᠨ᠎ᠡ᠃ ᠨᠥᠭᠡᠴᠡ ᠶᠢ ᠠᠷᠢᠯᠭᠠᠬᠤ ᠠᠵᠢᠯ ᠪᠤᠯᠤᠨ ᠲᠦᠭᠦᠮ | ᠪᠦᠳᠦᠴᠡᠳᠦ ᠣᠷᠣᠨ ᠰᠠᠭᠤᠴᠠ ᠶᠢᠨ ᠥᠭᠡᠷᠡᠴᠢᠯᠡᠯᠲᠡ᠂ ᠡᠷᠦᠬᠡ ᠠᠮᠠ ᠶᠢᠨ ᠲᠦᠷᠢᠮ ᠤᠨ ᠥᠭᠡᠷᠡᠴᠢᠯᠡᠯᠲᠡ᠂ ᠠᠵᠤ | ᠦᠢᠯᠡᠰ ᠤᠨ ᠭᠥᠭᠵᠢᠯᠲᠡ ᠵᠡᠷᠭᠡ ᠲᠠᠢ ᠣᠶᠠᠯᠳᠣᠭᠤᠯᠣᠨ᠂ ᠬᠠᠩᠭᠠᠯᠭ᠎ᠠ ᠬᠡᠷᠡᠭᠴᠡᠭᠡ ᠶᠢ ᠬᠠᠷᠢᠯᠴᠠᠨ ᠨᠡᠪᠲᠡᠷᠡᠭᠦᠯᠦᠨ᠂ | ᠬᠡᠷᠡᠭᠴᠡᠭᠡᠨ ᠤ ᠱᠠᠭᠠᠷᠳᠠᠯᠭ᠎ᠠ ᠶᠢ ᠶᠡᠬᠡᠰᠬᠡᠨ᠎ᠡ᠃ ᠬᠡᠷ ᠭᠠᠵᠠᠷ ᠬᠥᠷᠦᠩᠭᠡ ᠶᠢᠨ ᠠᠵᠤ ᠠᠬᠤᠶᠢᠯᠠᠯ ᠤᠨ ᠵᠠᠬ᠎ᠠ | ᠲᠡᠯᠭᠡᠭᠦᠷ ᠤᠨ ᠵᠢᠮ᠎ᠡ ᠬᠠᠣᠯᠢ ᠳᠤ ᠲᠤᠬᠢᠷᠠᠯᠴᠠᠬᠤ ᠶᠢ ᠰᠠᠨᠠᠭᠠᠴᠢᠯᠠᠭ᠎ᠠ ᠠᠴᠠ ᠪᠠᠨ ᠬᠥᠳᠦᠯᠵᠦ᠂ ᠪᠤᠷᠣᠯᠠᠭᠤᠯᠭ᠎ᠠ ᠶᠢᠨ | ᠠᠷᠭ᠎ᠠ ᠠᠪᠴᠠᠯ ᠪᠣᠯᠣᠨ ᠦᠨ᠎ᠡ ᠬᠠᠩᠰᠢ ᠶᠢ ᠣᠨᠣᠪᠴᠢᠲᠠᠢ ᠲᠤᠬᠢᠷᠠᠭᠤᠯᠤᠨ᠂ ᠲᠠᠸᠠᠷ ᠤᠨ ᠣᠷᠣᠨ ᠰᠠᠭᠤᠴᠠ ᠶᠢᠨ | ᠬᠤᠲᠠᠯᠳᠣᠵᠣ ᠭᠠᠷᠬᠤ ᠨᠣᠷᠮ᠎ᠠ ᠶᠢ ᠲᠡᠭᠡᠭᠰᠢᠯᠡᠭᠦᠯᠦᠨ᠎ᠡ᠃ | ᠠᠵᠤ ᠠᠬᠤᠢ ᠶᠢᠨ ᠨᠡᠮᠡᠭᠲᠡᠯ ᠤᠨ ᠬᠦᠳᠡᠯᠭᠡᠭᠴᠢ ᠬᠦᠴᠦᠨ ᠢ ᠬᠥᠮᠦᠵᠢᠭᠦᠯᠦᠨ᠎ᠡ᠃ ᠲᠥᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠰᠠᠶᠢᠳᠣᠷ ᠠᠳᠬᠤᠨ᠎ᠠ᠃ ᠲᠥᠷᠦᠯ ᠵᠦᠢᠯ ᠤᠨ ᠠᠬᠢᠭᠤᠯᠤᠯᠲᠠ ᠶᠢᠨ ᠲᠤᠭᠲᠠᠴᠠ ᠶᠢ | ᠴᠢᠩᠭ᠎ᠠ ᠨᠠᠶᠢᠳᠠᠪᠤᠷᠢᠵᠢᠭᠤᠯᠤᠨ᠂ ᠪᠦᠬᠦ ᠵᠢᠯ ᠳᠤ 78 ᠭᠤᠤᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠬᠦ ᠪᠠᠷ | ᠲᠥᠯᠦᠪᠯᠡᠵᠦ᠂ 172 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠦᠨ᠎ᠡ᠃ ᠲᠥᠷᠦᠯ ᠵᠦᠢᠯ | ᠤᠨ ᠪᠠᠶᠢᠭᠤᠯᠤᠯᠲᠠ ᠶᠢᠨ ᠬᠦᠴᠦᠨ ᠵᠦᠢᠯ ᠤᠨ ᠪᠠᠳᠣᠯᠠᠭ᠎ᠠ ᠶᠢ ᠴᠢᠩᠭᠠᠳᠬᠠᠨ᠂ ᠲᠥᠷᠦᠯ ᠵᠦᠢᠯ ᠢ ᠮᠦᠷᠲᠡᠨ | ᠲᠠᠭᠠᠵᠣ ᠲᠤᠬᠢᠷᠠᠭᠤᠯᠬᠤ ᠦᠢᠯᠡᠴᠢᠯᠡᠭᠡᠨ ᠢ ᠰᠠᠶᠢᠳᠣᠷ ᠬᠢᠵᠦ᠂ ᠲᠥᠷᠦᠯ ᠵᠦᠢᠯ ᠤᠨ ᠠᠵᠢᠯ ᠢ ᠲᠦᠷᠭᠡᠨ | ᠡᠬᠢᠯᠡᠭᠦᠯᠵᠦ᠂ ᠠᠰᠢᠭᠯᠠᠯᠲᠠ ᠳᠤ ᠣᠷᠣᠵᠣ ᠠᠰᠢᠭ ᠣᠯᠬᠤ ᠶᠢ ᠪᠠᠳᠣᠯᠠᠨ᠎ᠠ᠃ ᠪᠡᠯᠡ ᠮᠥᠩᠭᠦ ᠬᠤᠷᠠᠮᠳᠣᠭᠤᠯᠬᠤ ᠪᠠ | ᠪᠡᠯᠡ ᠮᠥᠩᠭᠦ ᠣᠷᠣᠭᠤᠯᠬᠤ ᠠᠵᠢᠯ ᠢ ᠰᠠᠶᠢᠳᠣᠷ ᠠᠳᠬᠤᠨ᠎ᠠ᠃ PPP ᠬᠡᠯᠪᠡᠷᠢ᠂ ᠵᠢᠭᠡᠯᠡᠯᠭᠡ ᠶᠢᠨ ᠲᠡᠮᠳᠡᠭᠳᠦ | ᠲᠠᠷᠬᠠᠭᠠᠬᠤ᠂ ᠭᠦᠢᠯᠭᠡᠭᠡᠨ ᠤ ᠪᠡᠯᠡ ᠮᠥᠩᠭᠦ ᠶᠢ ᠲᠦᠷᠢᠶᠡᠰᠦᠯᠡᠭᠦᠯᠬᠦ ᠵᠡᠷᠭᠡ ᠪᠡᠯᠡ ᠮᠥᠩᠭᠦ ᠶᠢᠨ ᠠᠷᠭ᠎ᠠ ᠵᠠᠮ ᠢ | ᠨᠠᠷᠢᠨ ᠬᠢᠨᠠᠮᠠᠭᠠᠢ ᠲᠥᠰᠦᠪᠯᠡᠨ ᠰᠦᠪᠡᠭᠴᠢᠯᠡᠵᠦ᠂ ᠭᠠᠳᠠᠨ᠎ᠠ ᠣᠷᠣᠨ ᠤ ᠬᠤᠪᠢ ᠣᠷᠣᠭᠤᠯᠣᠭᠰᠠᠨ ᠪᠠᠩᠬᠢ᠂ | ᠭᠦᠢᠯᠭᠡᠭᠡᠨ ᠤ ᠪᠡᠯᠡ ᠮᠥᠩᠭᠦ ᠶᠢ ᠲᠦᠷᠢᠶᠡᠰᠦᠯᠡᠭᠦᠯᠬᠦ ᠺᠣᠮᠫᠠᠨᠢ ᠪᠣᠯᠣᠨ ᠵᠢᠭᠡᠯᠡᠯᠭᠡ ᠶᠢᠨ ᠲᠡᠮᠳᠡᠭᠳᠦ ᠶᠢᠨ ᠠᠷᠠᠯᠵᠢᠶᠠᠨ | ᠤ ᠠᠵᠤ ᠠᠬᠤᠶᠢᠯᠠᠯ ᠤᠨ ᠬᠠᠮᠳᠣᠷᠠᠯᠴᠠᠭ᠎ᠠ ᠶᠢ ᠥᠷᠭᠡᠳᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠲᠣᠳᠠᠭᠳᠠᠬᠤ | ᠬᠦᠴᠢᠷᠲᠡᠯ ᠢ ᠬᠥᠩᠭᠡᠯᠡᠨ᠎ᠡ᠃ ᠣᠬᠢ ᠰᠠᠶᠢᠨ ᠵᠠᠬ᠎ᠠ ᠲᠡᠯᠭᠡᠭᠦᠷ ᠤᠨ ᠲᠥᠰᠦᠪ ᠲᠤᠭᠲᠠᠭᠠᠨ᠂ ᠠᠵᠤ ᠠᠬᠤᠶᠢᠯᠠᠯ ᠤᠨ | ᠪᠡᠯᠡ ᠣᠷᠣᠭᠤᠯᠣᠯᠲᠠ ᠶᠢᠨ ᠢᠲᠡᠭᠡᠯ ᠵᠤᠷᠢᠭ ᠢ ᠨᠡᠮᠡᠭᠲᠡᠭᠦᠯᠦᠨ᠎ᠡ᠃ ᠠᠷᠠᠯᠵᠢᠶᠠᠴᠢᠨ ᠣᠷᠢᠵᠣ ᠪᠡᠯᠡ ᠮᠥᠩᠭᠦ | ᠣᠷᠣᠭᠤᠯᠬᠤ ᠶᠢ ᠰᠠᠶᠢᠳᠣᠷ ᠠᠳᠬᠤᠨ᠎ᠠ᠃ ᠠᠷᠠᠯᠵᠢᠶᠠᠴᠢᠨ ᠣᠷᠢᠵᠣ ᠪᠡᠯᠡ ᠮᠥᠩᠭᠦ ᠣᠷᠣᠭᠤᠯᠬᠤ ᠬᠠᠷᠠᠭᠠᠯᠵᠠᠯ ᠤᠨ | ᠲᠥᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠤᠨ᠂ ᠲᠥᠷᠦᠯ ᠵᠦᠢᠯ ᠢ ᠵᠤᠯᠭᠠᠯᠳᠣᠭᠤᠯᠬᠤ ᠬᠦᠴᠦᠯᠡᠴᠡ ᠪᠠᠨ | ᠶᠡᠬᠡᠳᠬᠡᠵᠦ᠂ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠣᠷᠢᠬᠤ᠂ ᠠᠷᠠᠯᠵᠢᠶ᠎ᠠ ᠬᠤᠳᠠᠯᠳᠤᠭ᠎ᠠ ᠪᠠᠷ ᠠᠷᠠᠯᠵᠢᠶᠠᠴᠢᠨ | ᠣᠷᠢᠬᠤ ᠶᠢ ᠬᠦᠴᠦᠯᠡᠨ ᠥᠷᠨᠢᠭᠦᠯᠵᠦ᠂ ᠠᠷᠠᠯᠵᠢᠶᠠᠴᠢᠨ ᠣᠷᠢᠵᠣ ᠪᠡᠯᠡ ᠮᠥᠩᠭᠦ ᠣᠷᠣᠭᠤᠯᠬᠤ ᠪᠤᠲᠠᠲᠠᠢ ᠦᠷ᠎ᠡ | ᠠᠰᠢᠭ ᠢ ᠲᠡᠭᠡᠭᠰᠢᠯᠡᠭᠦᠯᠦᠨ᠂ ᠴᠢᠬᠤᠯᠠ ᠶᠡᠭᠡ ᠠᠵᠣ ᠦᠢᠯᠡᠰ ᠤᠨ ᠲᠥᠷᠦᠯ ᠵᠦᠢᠯ ᠢ ᠲᠠᠳᠠᠨ ᠣᠷᠣᠭᠤᠯᠬᠤ ᠳᠤ | ᠰᠢᠨ᠎ᠡ ᠰᠢᠪᠳᠣᠯᠣᠯᠲᠠ ᠣᠯᠬᠤ ᠪᠠᠷ ᠴᠢᠷᠮᠠᠶᠢᠨ᠂ ᠪᠦᠬᠦ ᠵᠢᠯ ᠳᠤ 110 ᠭᠠᠷᠣᠢ ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠲᠠᠳᠠᠨ ᠣᠷᠣᠭᠤᠯᠣᠨ᠎ᠠ᠃ ᠬᠡᠷᠡᠭᠯᠡᠭᠡᠨ ᠤ ᠵᠢᠯᠣᠭᠤᠳᠣᠮᠵᠢ ᠶᠢ ᠰᠠᠶᠢᠳᠣᠷ ᠠᠳᠬᠤᠨ᠎ᠠ᠃ ᠣᠷᠣᠨ | ᠲᠤᠭᠤᠷᠢᠭ ᠤᠨ ᠴᠢᠨᠠᠷᠲᠠᠢ ᠬᠡᠷᠡᠭᠯᠡᠭᠡᠨ ᠤ ᠲᠦᠪ ᠢ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠰᠣᠷᠠᠭ ᠵᠠᠩᠬᠢ | ᠶᠢᠨ ᠦᠢᠯᠡᠴᠢᠯᠡᠭᠡ᠂ ᠲᠦᠷᠭᠡᠨ ᠭᠤᠪᠢᠭᠤᠯᠬᠤ ᠪᠠᠷᠠᠭᠠᠨ ᠤ ᠭᠦᠢᠯᠭᠡᠭᠡ᠂ ᠡᠷᠡᠭᠦᠯ ᠴᠢᠬᠢᠷᠠᠭ ᠨᠠᠰᠣᠵᠢᠯ᠂ ᠪᠡᠶ᠎ᠡ ᠲᠠᠮᠢᠷ | ᠤᠨ ᠪᠤᠯᠪᠠᠰᠣᠷᠠᠭᠤᠯᠤᠯᠲᠠ᠂ ᠭᠡᠷ ᠤᠨ ᠶᠠᠪᠣᠲᠠᠯ ᠤᠨ ᠦᠢᠯᠡᠴᠢᠯᠡᠭᠡ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡᠨ ᠤ | ᠠᠵᠢᠯ ᠢ ᠬᠦᠴᠦᠯᠡᠨ ᠬᠥᠭᠵᠢᠭᠦᠯᠵᠦ᠂ ᠬᠡᠷᠡᠭᠯᠡᠭᠡᠨ ᠤ ᠲᠠᠯᠲᠠ ᠬᠦᠴᠦᠨ ᠢ ᠲᠠᠰᠣᠷᠠᠯᠲᠠ ᠦᠭᠡᠢ ᠲᠡᠭᠡᠭᠰᠢᠯᠡᠭᠦᠯᠦᠨ᠎ᠡ᠃ | | ᠬᠥᠭᠵᠢᠯᠲᠡ ᠶᠢᠨ ᠪᠠᠳᠣᠯᠠᠭᠠᠨ ᠤ ᠴᠢᠳᠠᠪᠤᠷᠢ ᠶᠢ ᠴᠢᠩᠭᠠᠳᠬᠠᠨ᠎ᠠ᠃ ᠲᠡᠮᠦᠷ ᠵᠠᠮ ᠤᠨ ᠲᠡᠭᠡᠭᠡᠪᠦᠷᠢ ᠶᠢᠨ ᠵᠠᠮ | ᠱᠣᠭᠤᠮ ᠢ ᠨᠡᠪᠲᠡᠷᠡᠭᠦᠯᠦᠨ᠂ ᠰᠢᠯᠢ ᠶᠢᠨ ᠬᠤᠲᠠ — ᠡᠷᠢᠶᠡᠨ ᠬᠤᠲᠠ ᠬᠦᠷᠬᠦ ᠲᠡᠮᠦᠷ ᠵᠠᠮ ᠢ ᠲᠡᠭᠡᠷ᠎ᠡ ᠬᠠᠭᠠᠰ | ᠵᠢᠯ ᠠᠰᠢᠭᠯᠠᠯᠲᠠ ᠳᠤ ᠣᠷᠣᠭᠤᠯᠵᠣ᠂ ᠳ᠋ᠠ ᠲᠠᠩ ᠤᠨ ᠵᠡᠭᠦᠨ ᠬᠤᠶᠠᠳᠣᠭᠠᠷ ᠨᠣᠮᠧᠷᠳᠣ ᠲᠡᠮᠦᠷ ᠵᠠᠮ ᠤᠨ ᠲᠠᠪᠬᠤᠷ | ᠱᠣᠭᠤᠮ᠂ ᠰᠢ ᠯᠢᠩ ᠨᠡᠭᠦᠷᠡᠰᠦᠨ ᠠᠭᠤᠷᠬᠠᠢ ᠶᠢᠨ ᠲᠡᠮᠦᠷ ᠵᠠᠮ ᠤᠨ ᠲᠤᠰᠬᠠᠢ ᠱᠣᠭᠤᠮ ᠢ ᠠᠵᠢᠯ ᠡᠬᠢᠯᠡᠭᠦᠯᠵᠦ᠂ | ᠰᠢᠯᠢ ᠶᠢᠨ ᠬᠤᠲᠠ ᠠᠴᠠ ᠴᠢᠭᠤᠯᠤᠯᠳᠣ ᠬᠠᠭᠠᠯᠭ᠎ᠠ ᠬᠦᠷᠲᠡᠯᠡᠬᠢ ᠲᠦᠷᠭᠡᠨ ᠬᠤᠷᠳᠣᠴᠠᠳᠣ ᠲᠡᠮᠦᠷ ᠵᠠᠮ᠂ ᠵᠢᠢ ᠲᠦᠩ | ᠲᠡᠮᠦᠷ ᠵᠠᠮ ᠤᠨ ᠬᠤᠷᠳᠣᠴᠠ ᠶᠢ ᠨᠡᠮᠡᠭᠲᠡᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠤᠨ ᠣᠷᠢᠳᠠᠬᠢ ᠠᠵᠢᠯ ᠢ | ᠰᠠᠶᠢᠳᠣᠷ ᠬᠢᠵᠦ᠂ ᠣᠯᠣᠰ ᠤᠨ ᠲᠡᠮᠦᠷ ᠵᠠᠮ ᠤᠨ ︽ᠠᠷᠪᠠᠨ ᠭᠤᠷᠪᠠᠳᠣᠭᠠᠷ ᠲᠠᠪᠤᠨ ᠵᠢᠯ︾ ᠤᠨ | ᠲᠥᠯᠦᠪᠵᠢᠭᠦᠯᠦᠯᠭᠡ ᠳᠤ ᠣᠷᠣᠭᠤᠯᠬᠤ ᠶᠢ ᠪᠠᠳᠣᠯᠠᠨ᠎ᠠ᠃ ᠳ᠋ᠠᠨᠳᠦ᠋ᠩ ᠠᠴᠠ ᠰᠢᠯᠢ ᠶᠢᠨ ᠬᠤᠲᠠ ᠬᠦᠷᠬᠦ ᠥᠨᠳᠦᠷ | ᠬᠤᠷᠳᠣᠴᠠᠳᠣ ᠵᠠᠮ ᠤᠨ ᠰᠢᠯᠢ ᠶᠢᠨ ᠬᠤᠲᠠ ᠳᠠᠬᠢ ᠭᠡᠰᠡᠭ ᠢ ᠵᠢᠯ ᠤᠨ ᠲᠣᠳᠣᠷ᠎ᠠ ᠪᠠᠶᠢᠭᠤᠯᠵᠤ ᠲᠠᠭᠤᠰᠬᠠᠨ ᠲᠡᠷᠭᠡ | ᠨᠡᠪᠲᠡᠷᠡᠭᠦᠯᠵᠦ᠂ ᠰᠢᠯᠢ ᠶᠢᠨ ᠬᠤᠲᠠ ᠠᠴᠠ ᠪᠡᠯᠭᠦᠲᠠᠢ ᠬᠦᠷᠬᠦ ᠵᠠᠰᠠᠮᠠᠯ ᠵᠠᠮ ᠤᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ᠎ᠡ᠃ ᠪᠦᠬᠦ ᠬᠤᠲᠠ ᠳᠤ ᠴᠠᠬᠢᠯᠭᠠᠨ ᠲᠤᠤᠷ ᠲᠤᠬᠢᠷᠠᠭᠤᠯᠬᠤ ᠲᠠᠭᠠᠭᠠᠴᠠ ᠶᠢᠨ ᠴᠢᠳᠠᠪᠤᠷᠢ ᠪᠤᠯᠤᠨ | ᠴᠠᠬᠢᠯᠭᠠᠨ ᠬᠠᠩᠭᠠᠬᠤ ᠨᠠᠶᠢᠳᠠᠪᠤᠷᠢᠳᠣ ᠴᠢᠨᠠᠷ ᠢ ᠲᠡᠭᠡᠭᠰᠢᠯᠡᠭᠦᠯᠦᠨ᠂ ᠮᠠᠯᠵᠢᠬᠤ ᠣᠷᠣᠨ ᠤ ᠴᠠᠬᠢᠯᠭᠠᠨ ᠲᠤᠤᠷ ᠢ ᠲᠡᠰ | ᠲᠡᠪᠰᠢᠭᠦᠯᠦᠨ᠂ ᠴᠠᠬᠢᠯᠭᠠᠨ ᠲᠤᠤᠷ ᠤᠨ ᠪᠦᠷᠬᠦᠴᠡ ᠶᠢᠨ ᠨᠣᠷᠮ᠎ᠡ ᠶᠢ ᠲᠡᠭᠡᠭᠰᠢᠯᠡᠭᠦᠯᠦᠨ᠎ᠡ᠃ ᠠᠮᠢ ᠠᠬᠤᠢ ᠶᠢᠨ | ᠣᠰᠣᠨ ᠰᠢᠰᠲ᠋ᠧᠮ᠂ ᠬᠤᠲᠠ ᠶᠢᠨ ᠭᠠᠳᠠᠨᠠᠬᠢ ᠲᠤᠭᠤᠷᠢᠭᠤᠯ ᠵᠠᠮ ᠲᠠᠭᠠᠣ ᠬᠤᠲᠠ ᠶᠢᠨ ᠲᠡᠭᠦᠷᠭᠡ ᠶᠢᠨ ᠦᠶᠡᠷ ᠢ | ᠰᠡᠷᠭᠡᠶᠢᠯᠡᠬᠦ᠂ ᠪᠠᠶᠠᠨᠪᠤᠯᠠᠭ ᠣᠰᠣᠨ ᠤ ᠡᠬᠢ ᠰᠣᠷᠪᠣᠯᠵᠢ ᠶᠢᠨ ᠣᠰᠣ ᠬᠠᠩᠭᠠᠬᠤ᠂ ᠪᠡᠭᠡᠵᠢᠩ ᠲᠢᠶᠠᠨᠵᠢᠨ ᠤ ᠡᠯᠡᠰᠦ | ᠰᠠᠯᠬᠢᠨ ᠤ ᠡᠬᠢ ᠶᠢᠨ ᠣᠰᠣᠨ ᠠᠰᠢᠭᠯᠠᠯᠲᠠ ᠶᠢᠨ ᠬᠠᠮᠠᠭᠠᠯᠠᠯᠲᠠ᠂ ᠮᠠᠯᠵᠢᠬᠤ ᠣᠷᠣᠨ ᠤ ᠣᠰᠣ ᠶᠢ ᠠᠷᠪᠢᠯᠠᠬᠤ | ᠣᠰᠣᠯᠠᠯᠲᠠ᠂ ᠦᠶᠡᠷ ᠢ ᠰᠡᠷᠭᠡᠶᠢᠯᠡᠵᠦ ᠵᠠᠰᠠᠬᠤ ᠵᠡᠷᠭᠡ ᠣᠰᠣᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠣᠰᠣᠨ ᠤ ᠬᠠᠩᠭᠠᠯᠲᠠ ᠶᠢᠨ ᠪᠠᠳᠣᠯᠠᠭ᠎ᠠ ᠪᠠ ᠦᠶᠡᠷ ᠢ ᠰᠡᠷᠭᠡᠶᠢᠯᠡᠵᠦ ᠠᠶᠣᠯ ᠢ ᠦᠭᠡᠶᠢᠰᠬᠡᠬᠦ ᠴᠢᠳᠠᠪᠤᠷᠢ ᠶᠢ | ᠲᠡᠭᠡᠭᠰᠢᠯᠡᠭᠦᠯᠦᠨ᠎ᠡ᠃ | ︵ᠬᠤᠶᠠᠷ︶ ᠠᠵᠤ ᠦᠢᠯᠡᠰ ᠤᠨ ᠪᠦᠳᠦᠴᠡ ᠶᠢ ᠰᠢᠯᠢᠳᠡᠭᠵᠢᠭᠦᠯᠦᠨ᠂ ᠠᠵᠤ ᠦᠢᠯᠡᠰ ᠤᠨ ᠭᠥᠭᠵᠢᠯᠲᠡ ᠶᠢᠨ | ᠲᠡᠰ ᠳ᠋ᠣᠭᠠᠷ ᠢ ᠲᠡᠭᠡᠭᠰᠢᠯᠡᠭᠦᠯᠣᠨ᠎ᠡ᠃ ᠪᠦᠳᠦᠴᠡ ᠶᠢ ᠲᠤᠬᠢᠷᠠᠭᠤᠯᠬᠤ ᠪᠠ ᠲᠤᠳᠠᠭᠤᠲᠠᠯ ᠢᠶᠠᠨ ᠨᠥᠬᠦᠪᠦᠷᠢᠯᠡᠬᠦ ᠶᠢ | ᠬᠠᠮᠳᠣ ᠳᠤᠨᠢ ᠶᠠᠪᠤᠭᠳᠠᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ | ᠦᠷᠭᠦᠯᠵᠢᠯᠡᠨ ᠠᠬᠢᠭᠤᠯᠤᠨ᠂ ᠭᠥᠭᠵᠢᠯᠲᠡ ᠶᠢᠨ ᠰᠢᠨ᠎ᠡ ᠲᠠᠪᠠᠭᠤᠯᠢᠭ ᠲᠠᠯ᠎ᠠ ᠶᠢ ᠪᠦᠬᠦ ᠲᠠᠯ᠎ᠠ ᠪᠠᠷ ᠠᠬᠢᠭᠤᠯᠤᠨ᠎ᠠ᠃ | ᠨᠢᠭᠡ ᠳᠤ᠂ ᠨᠢᠭᠡᠳᠦᠭᠡᠷ ᠠᠵᠤ ᠦᠢᠯᠡᠰ ᠢ ᠬᠦᠴᠦᠷᠬᠡᠭᠵᠢᠭᠦᠯᠦᠨ᠂ ᠮᠠᠯᠴᠢᠳ ᠤᠨ ᠣᠷᠣᠯᠭ᠎ᠠ ᠶᠢ | ᠨᠡᠮᠡᠭᠲᠡᠭᠦᠯᠦᠨ ᠪᠠᠶᠠᠵᠢᠯ ᠤᠨ ᠵᠠᠮ ᠢᠶᠠᠷ ᠵᠠᠮᠨᠠᠭᠤᠯᠤᠨ᠎ᠠ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠪᠠᠳᠣᠲᠠᠢ | ᠠᠬᠢᠭᠤᠯᠬᠤ ᠬᠡᠷᠡᠭᠲᠠᠢ᠃ ︽ᠣᠯᠠᠨ ᠲᠦᠮᠡᠨ ᠢᠶᠠᠷ ᠭᠤᠤᠯ ᠴᠣᠭᠴᠠ ᠪᠤᠯᠭᠠᠨ᠂ ᠰᠢᠨᠵᠢᠯᠡᠬᠦ ᠣᠬᠠᠭᠠᠨᠴᠢ ᠪᠠᠷ | ᠲᠥᠯᠦᠪᠵᠢᠭᠦᠯᠦᠯᠭᠡ ᠬᠢᠵᠦ᠂ ᠡᠬᠢ ᠪᠠᠶᠠᠯᠢᠭ ᠢ ᠨᠡᠶᠢᠳᠬᠡᠨ᠂ ᠪᠦᠬᠦ ᠲᠠᠯ᠎ᠠ ᠪᠠᠷ ᠠᠬᠢᠭᠤᠯᠬᠤ︾ ᠵᠡᠷᠴᠢᠮ ᠶᠣᠰᠣᠭᠠᠷ᠂ | ᠲᠥᠯᠦᠪᠵᠢᠭᠦᠯᠬᠦ ᠶᠢ ᠠᠳᠬᠤᠵᠣ᠂ ᠲᠤᠲᠠᠭᠤᠳᠠᠯ ᠢᠶᠠᠨ ᠨᠥᠬᠦᠪᠦᠷᠢᠯᠡᠨ᠂ ᠮᠠᠯᠵᠢᠬᠤ ᠣᠷᠣᠨ ᠤ ᠰᠠᠭᠤᠷᠢ | ᠲᠥᠬᠦᠬᠡᠷᠦᠮᠵᠢ ᠪᠤᠯᠤᠨ ᠮᠠᠯᠴᠢᠳ ᠤᠨ ᠦᠢᠯᠡᠳᠪᠦᠷᠢᠯᠡᠯ ᠠᠮᠢᠳᠣᠷᠠᠯ ᠤᠨ ᠨᠥᠬᠦᠴᠡᠯ ᠢ ᠦᠨᠡᠨᠬᠦ ᠰᠠᠶᠢᠵᠢᠷᠠᠭᠤᠯᠤᠨ᠂ | ᠮᠠᠯᠵᠢᠬᠤ ᠣᠷᠣᠨ ᠤ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ 6.48 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠦᠪᠯᠡᠨ᠂ ᠷᠠᠳᠢᠣ᠋ ᠲᠧᠯᠸᠢᠰ ᠤᠨ ᠪᠦᠬᠦ ᠪᠦᠷᠬᠦᠴᠡ ᠶᠢ | ᠪᠡᠶᠡᠯᠡᠭᠦᠯᠦᠨ᠂ ᠮᠠᠯᠵᠢᠬᠤ ᠣᠷᠣᠨ ᠤ ᠣᠣᠭᠤᠬᠤ ᠣᠰᠣᠨ ᠤ ᠠᠮᠣᠷ ᠲᠦᠪᠰᠢᠨ ᠪᠠ ᠭᠡᠷ ᠪᠠᠶᠢᠰᠢᠩ ᠦᠭᠡᠢ ᠪᠣᠶᠣ | ᠨᠣᠷᠠᠬᠤ ᠠᠶᠣᠯᠲᠠᠢ ᠣᠷᠣᠨ ᠰᠠᠭᠤᠴᠠ ᠶᠢᠨ ᠠᠰᠠᠭᠤᠲᠠᠯ ᠢ ᠦᠨᠳᠦᠰᠦᠨ ᠳᠡᠭᠡᠨ ᠰᠢᠢᠳᠪᠦᠷᠢᠯᠡᠨ᠂ ᠬᠦᠲᠡᠭᠡ | ᠲᠤᠰᠬᠤᠨ ᠳᠤ 302 ᠺᠢᠯᠣᠮᠧᠲᠷ ᠵᠠᠰᠠᠮᠠᠯ ᠵᠠᠮ ᠲᠡᠪᠢᠰᠴᠦ᠂ 80 ᠺᠢᠯᠣᠮᠧᠲᠷ ᠵᠡᠭᠡᠯᠢ ᠭᠤᠳᠣᠮᠵᠢ ᠶᠢ | ᠬᠠᠳᠠᠭᠤᠷᠠᠭᠤᠯᠤᠨ᠂ 720 ᠡᠷᠦᠬᠡ ᠳᠤ ᠨᠠᠷᠠ ᠰᠠᠯᠬᠢᠨ ᠤ ᠡᠨᠧᠷᠬᠢ ᠶᠢᠨ ᠶᠡᠭᠡ ᠬᠦᠴᠦᠳᠡᠯᠳᠦ ᠴᠠᠬᠢᠯᠭᠠᠨ ᠢ | ᠣᠭᠰᠠᠷᠠᠵᠣ᠂ 9 ᠰᠠᠭᠤᠷᠢ ᠮᠡᠳᠡᠭᠡ ᠬᠤᠯᠪᠣᠭᠠᠨ ᠤ ᠲᠡᠮᠦᠷ ᠰᠣᠪᠣᠷᠭ᠎ᠠ᠂ 1 ᠬᠡᠣᠬᠡᠳ ᠤᠨ ᠴᠡᠴᠡᠷᠯᠢᠭ᠂ 12 | ᠰᠣᠶᠣᠯ ᠤᠨ ᠬᠦᠲᠡᠯᠭᠡᠭᠡᠨ ᠤ ᠲᠠᠰᠤᠭ᠂ 7 ᠡᠷᠡᠭᠦᠯ ᠬᠠᠮᠠᠭᠠᠯᠠᠯ ᠤᠨ ᠲᠠᠰᠤᠭ᠂ 10 ᠠᠷᠠᠳ ᠲᠤ ᠲᠦᠭᠦᠮ | ᠦᠵᠡᠭᠦᠯᠬᠦ ᠬᠡᠳᠦ ᠲᠡᠯᠭᠡᠭᠦᠷ ᠢ ᠰᠢᠨ᠎ᠡ ᠪᠠᠷ ᠵᠠᠰᠠᠨ ᠪᠠᠶᠢᠭᠤᠯᠤᠨ᠎ᠠ᠃ ︽ᠭᠤᠷᠪᠠ ᠶᠢ ᠨᠣᠷᠠᠭᠠᠬᠤ᠂ ᠭᠤᠷᠪᠠ ᠶᠢ | ᠴᠡᠪᠡᠷᠯᠡᠬᠦ᠂ ᠭᠤᠷᠪᠠ ᠶᠢ ᠥᠭᠡᠷᠡᠴᠢᠯᠡᠬᠦ᠂ ᠲᠦᠷᠪᠡᠵᠢᠭᠦᠯᠦᠯᠲᠡ ᠬᠢᠬᠦ︾ ᠪᠠᠷ ᠭᠤᠤᠯ ᠠᠭᠤᠯᠭ᠎ᠠ ᠪᠣᠯᠭᠠᠭᠰᠠᠨ | ᠣᠷᠣᠰᠢᠨ ᠠᠮᠢᠳᠣᠷᠠᠬᠤ ᠣᠷᠴᠢᠨ ᠲᠤᠭᠤᠷᠢᠨ ᠢ ᠵᠠᠰᠠᠨ ᠴᠡᠭᠴᠡᠯᠡᠬᠦ ᠠᠵᠢᠯ ᠢ ᠢᠵᠢᠯ ᠠᠯᠬᠤᠮ ᠢᠶᠠᠷ ᠶᠠᠪᠣᠭᠲᠠᠭᠤᠯᠵᠤ | ᠂ 27 ᠲᠦᠮᠡᠨ ᠲᠡᠭᠰᠢ ᠲᠦᠷᠪᠡᠯᠵᠢᠨ ᠮᠧᠲᠷ ᠬᠠᠶᠠᠵᠣ ᠣᠷᠬᠢᠭᠰᠠᠨ ᠭᠡᠷ ᠪᠠᠶᠢᠰᠢᠩ ᠪᠠ ᠨᠣᠷᠠᠬᠤ ᠠᠶᠣᠯᠲᠠᠢ | ᠬᠠᠭᠤᠴᠢᠨ ᠰᠢᠷᠣᠢ ᠶᠢᠨ ᠪᠠᠶᠢᠰᠢᠩ ᠢ ᠨᠣᠷᠠᠭᠠᠵᠣ᠂ ᠬᠡᠷᠡᠮ ᠬᠠᠰᠢᠶ᠎ᠠ ᠶᠢ 19.7 ᠲᠦᠮᠡᠨ ᠮᠧᠲᠷ ᠵᠠᠰᠠᠨ ᠪᠠᠶᠢᠭᠤᠯᠵᠤ | ᠂ 23 ᠲᠦᠮᠡᠨ ᠲᠡᠭᠰᠢ ᠲᠦᠷᠪᠡᠯᠵᠢᠨ ᠮᠧᠲᠷ ᠵᠠᠮ ᠪᠠ ᠠᠭᠤᠲᠠᠮ ᠲᠠᠯᠠᠪᠣᠷ ᠢ ᠬᠠᠳᠠᠭᠤᠷᠠᠭᠤᠯᠤᠨ᠂ 2000 ᠡᠷᠦᠬᠡ | ᠳᠤ ᠲᠤᠯᠠᠭᠠᠨ ᠢ ᠬᠠᠳᠠᠭᠠᠯᠬᠤ ᠪᠦᠳᠦᠭᠡᠨ ᠪᠠᠶᠢᠭᠤᠯᠤᠯᠲᠠ ᠬᠢᠵᠦ᠂ 70 ᠰᠠᠭᠤᠷᠢ ᠣᠷᠴᠢᠨ ᠲᠤᠭᠤᠷᠢᠨ ᠤ ᠡᠷᠡᠭᠦᠯ | ᠬᠠᠮᠠᠭᠠᠯᠠᠯ ᠤᠨ ᠲᠥᠬᠦᠬᠡᠷᠦᠮᠵᠢ ᠶᠢ ᠪᠦᠳᠦᠭᠡᠨ ᠪᠠᠶᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠣᠳᠣᠷᠢᠳᠣᠯᠭ᠎ᠠ | ᠶᠢᠨ ᠬᠦᠴᠦᠯᠡᠴᠡ ᠶᠢ ᠴᠢᠩᠭᠠᠳᠬᠠᠵᠣ᠂ ᠨᠡᠶᠢᠳᠡᠯᠢᠭ ᠵᠢᠱᠢᠶ᠎ᠡ ᠦᠵᠡᠭᠦᠯᠬᠦ ᠦᠢᠯᠡᠳᠦᠯ ᠢ ᠢᠲᠡᠪᠬᠢᠲᠠᠢ ᠪᠠᠳᠠᠷᠠᠭᠤᠯᠤᠨ᠂ | ᠬᠢᠨᠠᠨ ᠰᠢᠯᠭᠠᠬᠤ ᠶᠢ ᠴᠢᠩᠭᠠᠳᠬᠠᠵᠣ᠂ ᠱᠠᠩᠨᠠᠯ ᠲᠤᠷᠭᠤᠭᠤᠯᠢ ᠶᠠᠪᠣᠭᠤᠯᠣᠨ᠂ ᠬᠠᠷᠠᠯᠲᠠ ᠡᠭᠦᠷᠭᠡ ᠪᠠᠨ ᠪᠡᠶᠡᠯᠡᠭᠦᠯᠬᠦ | ᠶᠢ ᠪᠠᠳᠣᠯᠠᠨ᠎ᠠ᠃ ᠢᠨᠵᠧᠨᠧᠷᠢᠩ ᠤᠨ ᠬᠠᠮᠢᠶᠠᠷᠣᠯᠲᠠ ᠬᠠᠮᠠᠭᠠᠯᠠᠯᠲᠠ ᠶᠢ ᠴᠢᠩᠭᠠᠳᠬᠠᠵᠣ᠂ ᠣᠯᠠᠨ ᠲᠦᠮᠡᠨ ᠢ | ᠲᠠᠶᠢᠴᠢᠯᠠᠨ ᠢᠲᠡᠪᠬᠢᠲᠠᠢ ᠣᠷᠣᠯᠴᠠᠭᠤᠯᠤᠨ᠂ ᠮᠠᠯᠵᠢᠬᠤ ᠣᠷᠣᠨ ᠤ ᠣᠷᠴᠢᠨ ᠲᠤᠭᠤᠷᠢᠨ ᠤ ᠣᠷᠳᠣ ᠬᠤᠭᠤᠴᠠᠭᠠᠨ | ᠤ ᠪᠦᠳᠦᠮᠵᠢᠲᠠᠢ ᠬᠠᠮᠢᠶᠠᠷᠣᠯᠲᠠ ᠶᠢ ᠪᠡᠶᠡᠯᠡᠭᠦᠯᠦᠨ᠎ᠡ᠃ | ᠲᠠᠷᠢᠶᠠᠯᠠᠩ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠴᠢᠳᠠᠪᠣᠷᠢ ᠶᠢ ᠲᠡᠭᠡᠭᠰᠢᠯᠡᠭᠦᠯᠦᠨ᠎ᠡ᠃ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠦᠢᠯᠡᠳᠪᠦᠷᠢᠯᠡᠯ ᠢᠶᠠᠨ ᠦᠷᠭᠡᠳᠬᠡᠵᠦ᠂ ᠦᠷ᠎ᠡ ᠠᠰᠢᠭ | ᠢᠶᠠᠨ ᠨᠡᠮᠡᠭᠲᠡᠭᠦᠯᠬᠦ ᠶᠢ ᠠᠬᠢᠭᠤᠯᠤᠨ᠂ ᠪᠦᠬᠦ ᠵᠢᠯ ᠤᠨ ᠬᠠᠰᠢᠶᠠᠯᠠᠵᠤ ᠲᠡᠵᠢᠭᠡᠨ ᠦᠷᠡᠵᠢᠭᠦᠯᠬᠦ ᠬᠡᠪᠴᠢᠶ᠎ᠡ ᠶᠢ 90 | ᠲᠦᠮᠡᠨ ᠲᠤᠯᠤᠭᠠᠢ ᠬᠦᠷᠭᠡᠬᠦ ᠪᠠᠷ ᠴᠢᠷᠮᠠᠶᠢᠵᠣ᠂ ᠮᠠᠯᠵᠢᠯ ᠤᠨ ᠣᠨ ᠤ ᠮᠠᠯ ᠤᠨ ᠲᠤᠭ᠎ᠠ ᠶᠢ 170 ᠲᠦᠮᠡᠨ | ᠲᠤᠯᠤᠭᠠᠢ ᠠᠴᠠ ᠬᠡᠳᠦᠷᠡᠭᠦᠯᠬᠦ ᠦᠭᠡᠢ᠃ ︽ᠲᠦᠷᠪᠡᠨ ᠣᠯᠠᠷᠢᠯ ᠳᠤ ᠵᠠᠷᠣᠴᠠᠭᠤᠯᠵᠤ᠂ ᠵᠠᠬ᠎ᠠ ᠳᠤ ᠲᠡᠩᠴᠡᠭᠦᠷᠢᠲᠠᠢ | ᠭᠠᠷᠭᠠᠬᠤ︾ ᠶᠢ ᠵᠣᠷᠢᠭᠵᠢᠭᠤᠯᠤᠨ᠂ ᠮᠠᠯ ᠠᠵᠣ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠴᠢᠨᠠᠷ | ᠰᠠᠶᠢᠲᠠᠢ ᠮᠢᠬᠠᠨ ᠤ ᠦᠬᠡᠷ᠂ ᠠᠳᠣᠭᠤ ᠶᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠤᠭᠲᠠᠭᠤᠨ ᠢᠶᠠᠷ ᠥᠷᠭᠡᠳᠬᠡᠵᠦ | ᠂ ︽ᠪᠣᠲᠠ ᠮᠠᠯ ᠢᠶᠠᠷ ᠪᠤᠭ ᠮᠠᠯ ᠰᠣᠯᠢᠨ᠂ ᠬᠤᠨᠢᠨ ᠤ ᠲᠤᠭ᠎ᠠ ᠲᠤᠯᠤᠭᠠᠢ ᠶᠢ ᠪᠠᠭᠠᠰᠬᠠᠨ᠂ ᠦᠬᠡᠷ ᠤᠨ ᠲᠤᠭ᠎ᠠ | ᠲᠤᠯᠤᠭᠠᠢ ᠶᠢ ᠨᠡᠮᠡᠭᠲᠡᠭᠦᠯᠬᠦ︾ ᠶᠢ ᠢᠲᠡᠪᠬᠢᠲᠠᠢ ᠡᠷᠢᠯᠬᠢᠯᠡᠨ᠂ ᠲᠡᠵᠢᠭᠡᠨ ᠦᠷᠡᠵᠢᠭᠦᠯᠬᠦ ᠪᠦᠳᠦᠴᠡ ᠶᠢ ᠵᠦᠢ | ᠵᠤᠬᠢᠰᠲᠠᠢ ᠲᠤᠬᠢᠷᠠᠭᠤᠯᠤᠨ᠎ᠠ᠃ 4.4 ᠲᠦᠮᠡᠨ ᠲᠤᠯᠤᠭᠠᠢ ᠦᠬᠡᠷ ᠤᠨ ᠡᠭᠦᠯᠳᠡᠷ ᠢ ᠰᠠᠶᠢᠵᠢᠷᠠᠭᠤᠯᠵᠤ᠂ 10 | ᠲᠦᠮᠡᠨ ᠲᠤᠯᠤᠭᠠᠢ ᠮᠢᠬᠠᠨ ᠤ ᠬᠤᠨᠢᠨ ᠤ ᠠᠵᠣ ᠠᠬᠤᠢ ᠶᠢᠨ ᠡᠷᠯᠢᠰᠵᠢᠭᠦᠯᠦᠯᠲᠡ ᠶᠢ ᠪᠡᠶᠡᠯᠡᠭᠦᠯᠦᠨ᠎ᠡ᠃ ᠰᠢᠯᠢᠳᠡᠭ | ᠡᠭᠦᠯᠳᠡᠷ ᠢ ᠦᠷᠡᠵᠢᠭᠦᠯᠬᠦ ᠰᠢᠰᠲ᠋ᠧᠮ ᠢ ᠪᠦᠷᠢᠨᠰᠢᠭᠦᠯᠦᠨ᠎ᠡ᠃ 4000 ᠲᠡᠭᠰᠢ ᠲᠦᠷᠪᠡᠯᠵᠢᠨ ᠮᠧᠲᠷ ᠡᠪᠡᠰᠦ | ᠨᠥᠭᠡᠴᠡᠯᠡᠬᠦ ᠫᠧᠩ᠂ 3 ᠲᠦᠮᠡᠨ ᠲᠡᠭᠰᠢ ᠲᠦᠷᠪᠡᠯᠵᠢᠨ ᠮᠧᠲᠷ ᠲᠤᠯᠠᠭᠠᠨ ᠰᠠᠷᠠᠪᠴᠢ᠂ 5.7 ᠲᠦᠮᠡᠨ ᠮᠣ᠋ ᠨᠣᠳᠤᠭ | ᠪᠡᠯᠴᠢᠭᠡᠷ ᠢ ᠬᠠᠰᠢᠶᠠᠯᠠᠨ ᠮᠠᠯᠵᠢᠵᠣ᠂ ᠭᠠᠮᠰᠢᠭ ᠢ ᠪᠠᠭᠠᠰᠬᠠᠵᠣ ᠰᠡᠷᠭᠡᠶᠢᠯᠡᠬᠦ ᠴᠢᠳᠠᠪᠣᠷᠢ ᠶᠢ ᠲᠡᠭᠡᠭᠰᠢᠯᠡᠭᠦᠯᠦᠨ᠎ᠡ᠃ | ᠥᠨᠳᠦᠷ ᠪᠦᠳᠦᠮᠵᠢᠲᠠᠢ ᠣᠰᠣ ᠠᠷᠪᠢᠯᠠᠬᠤ ᠲᠠᠷᠢᠶᠠᠯᠠᠩ ᠢ ᠬᠥᠭᠵᠢᠭᠦᠯᠵᠦ᠂ ᠢᠲᠡᠰᠢᠨ ᠨᠣᠭᠤᠭᠠᠨ ᠤ ᠲᠠᠷᠢᠮᠠᠯ ᠤᠨ | ᠦᠢᠯᠡᠰ ᠲᠤ ᠬᠢᠨᠠᠨ ᠪᠠᠶᠢᠴᠠᠭᠠᠯᠲᠠ ᠬᠢᠵᠦ᠂ ᠪᠦᠬᠦ ᠵᠢᠯ ᠳᠤ 5000 ᠲᠦᠮᠡᠨ ᠺᠢᠯᠣᠭ᠍ᠷᠠᠮ ᠢᠲᠡᠰᠢᠨ ᠨᠣᠭᠤᠭ᠎ᠠ ᠶᠢ | ᠵᠠᠬ᠎ᠠ ᠳᠤ ᠭᠠᠷᠭᠠᠨ᠎ᠠ᠃ | ᠠᠵᠣ ᠦᠢᠯᠡᠰᠵᠢᠭᠦᠯᠦᠭᠰᠡᠨ ᠡᠵᠡᠩᠨᠡᠯᠲᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠳ᠋ᠠ ᠵᠣᠸᠠᠩ ᠶᠣᠸᠠᠨ | ᠦᠬᠡᠷ ᠬᠤᠨᠢᠨ ᠤ ᠮᠢᠬ᠎ᠠ ᠶᠢᠨ ᠠᠵᠣ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠦᠯ ᠵᠦᠢᠯ ᠢ | ᠠᠰᠢᠭᠯᠠᠯᠲᠠ ᠳᠤ ᠣᠷᠣᠭᠤᠯᠵᠣ᠂ ᠬᠤᠲᠠ ᠶᠢᠨ ᠲᠤᠭᠤᠷᠢᠭ ᠲᠠᠬᠢ ᠮᠠᠯ ᠤᠨ ᠪᠦᠳᠦᠬᠡᠭᠲᠡᠭᠦᠨ ᠤ ᠡᠳ᠋ᠰᠢᠭᠦᠯᠵᠦ | ᠪᠣᠯᠪᠠᠰᠣᠷᠠᠭᠤᠯᠬᠤ ᠠᠵᠤ ᠠᠬᠤᠶᠢᠯᠠᠯ ᠢ ᠨᠡᠶᠢᠳᠬᠡᠨ᠂ ᠨᠡᠭᠦᠯᠭᠡᠨ ᠰᠢᠯᠵᠢᠭᠦᠯᠬᠦ ᠠᠵᠢᠯ ᠢ ᠢᠲᠡᠪᠬᠢᠲᠠᠢ ᠠᠬᠢᠭᠤᠯᠵᠤ᠂ | ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠢ ᠪᠤᠵᠠᠭᠠᠶᠢᠷᠠᠭᠤᠯᠵᠤ᠂ ᠮᠠᠯ ᠤᠨ ᠪᠦᠳᠦᠬᠡᠭᠲᠡᠭᠦᠨ ᠤ | ᠨᠠᠷᠢᠯᠢᠭ ᠭᠦᠨᠵᠡᠭᠡᠢ ᠡᠳ᠋ᠰᠢᠭᠦᠯᠵᠦ ᠪᠣᠯᠪᠠᠰᠣᠷᠠᠭᠤᠯᠬᠤ ᠬᠢᠷᠢ ᠲᠦᠪᠰᠢᠨ ᠪᠤᠯᠤᠨ ᠠᠵᠤ ᠠᠬᠤᠢ ᠶᠢᠨ ᠦᠷ᠎ᠡ ᠠᠰᠢᠭ ᠢ | ᠲᠡᠭᠡᠭᠰᠢᠯᠡᠭᠦᠯᠦᠨ᠎ᠡ᠃ ᠭᠡᠷ ᠪᠦᠯᠢ ᠶᠢᠨ ᠮᠠᠯᠵᠢᠯ ᠤᠨ ᠲᠠᠯᠠᠪᠠᠢ᠂ ᠬᠤᠷᠰᠢᠶᠠᠵᠢᠯ᠂ ᠲᠤᠯᠤᠭᠠᠶᠢᠯᠠᠭᠴᠢ ᠠᠵᠤ ᠠᠬᠤᠶᠢᠯᠠᠯ | ᠤᠨ ᠣᠯᠠᠨ ᠡᠰᠢᠳᠦ ᠬᠤᠯᠪᠣᠭᠠᠯᠠᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠣ ᠠᠬᠤᠢ ᠶᠢᠨ ᠡᠵᠡᠩᠨᠡᠯᠲᠡ ᠶᠢᠨ | ᠰᠢᠰᠲ᠋ᠧᠮ ᠢ ᠪᠦᠷᠢᠨᠰᠢᠭᠦᠯᠦᠨ᠂ 20 ᠡᠷᠦᠬᠡ ᠥᠨᠳᠦᠷ ᠪᠠᠷᠢᠮᠵᠢᠶᠠᠳᠣ ᠭᠡᠷ ᠪᠦᠯᠢ ᠶᠢᠨ ᠮᠠᠯᠵᠢᠯ ᠤᠨ ᠲᠠᠯᠠᠪᠠᠢ᠂ 20 | ᠡᠷᠦᠬᠡ ᠲᠦᠷᠢᠮᠵᠢᠭᠰᠡᠨ ᠬᠤᠷᠰᠢᠶᠠᠵᠢᠯ ᠢ ᠪᠠᠶᠢᠭᠤᠯᠵᠤ᠂ ᠪᠦᠬᠦ ᠵᠢᠯ ᠳᠤ 100 ᠲᠦᠮᠡᠨ ᠲᠤᠯᠤᠭᠠᠢ ᠮᠠᠯ | ᠵᠠᠷᠤᠴᠠᠭᠤᠯᠤᠨ᠂ 400 ᠲᠦᠮᠡᠨ ᠬᠤᠨᠢᠴᠢᠯᠠᠭᠰᠠᠨ ᠨᠢᠭᠡᠴᠡ ᠠᠮᠢᠳᠣ ᠮᠠᠯ ᠢ ᠡᠳ᠋ᠰᠢᠭᠦᠯᠦᠨ ᠪᠤᠯᠪᠠᠰᠣᠷᠠᠭᠤᠯᠤᠨ᠎ᠠ᠃ | ᠵᠢᠯ ᠤᠨ ᠲᠣᠳᠣᠷ᠎ᠠ 10 ᠲᠦᠮᠡᠨ ᠲᠤᠯᠤᠭᠠᠢ ᠮᠢᠬᠠᠨ ᠤ ᠬᠤᠨᠢ ᠶᠢ ᠮᠦᠷᠲᠡᠨ ᠡᠵᠡᠮᠰᠢᠵᠦ ᠡᠳ᠋ᠰᠢᠭᠦᠯᠦᠨ᠎ᠡ᠃ ︽ | ᠲᠤᠮᠳᠠᠳᠣ ᠣᠯᠣᠰ ᠤᠨ ᠠᠳᠣᠭᠤᠨ ᠰᠣᠶᠣᠯ ᠤᠨ ᠲᠦᠪ︾ ᠤᠨ ᠨᠡᠷᠡᠳᠦ ᠲᠡᠮᠳᠡᠭ ᠤᠨ ᠪᠠᠶᠢᠭᠤᠯᠤᠯᠲᠠ ᠳᠤ | ᠲᠦᠰᠢᠭᠯᠡᠨ᠂ ᠰᠠᠶᠢᠨ ᠡᠭᠦᠯᠳᠡᠷ ᠤᠨ ᠠᠳᠣᠭᠤ ᠶᠢ ᠦᠷᠡᠵᠢᠭᠦᠯᠦᠨ ᠪᠤᠶᠢᠵᠢᠭᠤᠯᠬᠤ᠂ ᠠᠳᠣᠭᠤᠨ ᠤ ᠪᠦᠳᠦᠬᠡᠭᠲᠡᠭᠦᠨ | ᠢ ᠨᠡᠭᠡᠭᠡᠨ ᠬᠥᠭᠵᠢᠭᠦᠯᠬᠦ᠂ ᠮᠣᠷᠢᠨ ᠮᠡᠷᠭᠡᠵᠢᠯ ᠤᠨ ᠣᠷᠣᠯᠳᠣᠭᠠᠨ ᠵᠡᠷᠭᠡ ᠠᠵᠢᠯᠯᠠᠭ᠎ᠠ ᠶᠢ ᠠᠬᠢᠭᠤᠯᠤᠨ᠂ ᠰᠡᠯᠡᠭᠦᠴᠡᠯ | ᠮᠠᠯ ᠠᠵᠣ ᠠᠬᠤᠢ ᠶᠢ ᠢᠲᠡᠪᠬᠢᠲᠠᠢ ᠬᠥᠭᠵᠢᠭᠦᠯᠦᠨ᠎ᠡ᠃ | ᠬᠤᠶᠠᠷ ᠲᠤ᠂ ᠬᠤᠶᠠᠳᠣᠭᠠᠷ ᠠᠵᠣ ᠦᠢᠯᠡᠰ ᠢ ᠣᠷᠳᠣᠳᠬᠠᠵᠣ᠂ ᠠᠵᠣ ᠦᠢᠯᠡᠳᠪᠦᠷᠢ ᠶᠢᠨ ᠴᠢᠨᠠᠷ ᠢ | ᠲᠡᠭᠡᠭᠰᠢᠯᠡᠭᠦᠯᠦᠨ᠂ ᠦᠷ᠎ᠡ ᠠᠰᠢᠭ ᠤᠨ ᠨᠡᠮᠡᠭᠲᠡᠯ ᠢ ᠠᠬᠢᠭᠤᠯᠤᠨ᠎ᠠ᠃ ᠠᠩᠬᠠᠨ ᠤ ᠲᠡᠰ ᠤᠨ ᠪᠦᠳᠦᠬᠡᠭᠲᠡᠭᠦᠨ ᠢ | ᠰᠣᠬᠤᠷ ᠪᠠᠯᠠᠢ ᠪᠠᠷ ᠥᠷᠭᠡᠳᠬᠡᠬᠦ ᠶᠢ ᠴᠢᠩᠭ᠎ᠠ ᠬᠤᠷᠢᠭᠯᠠᠨ᠂ ᠮᠡᠷᠭᠡᠵᠢᠯ ᠤᠨ ᠰᠢᠨᠡᠴᠢᠯᠡᠯᠲᠡ ᠶᠢ ᠲᠤᠪᠤᠶᠢᠯᠭᠠᠨ᠂ | ᠠᠵᠤ ᠦᠢᠯᠡᠰ ᠤᠨ ᠬᠡᠯᠬᠢᠶᠡᠵᠢᠯ ᠢ ᠬᠦᠴᠦᠯᠡᠨ ᠣᠷᠳᠣᠳᠬᠠᠵᠣ᠂ ᠬᠤᠶᠠᠳᠣᠭᠠᠷ ᠠᠵᠣ ᠦᠢᠯᠡᠰ ᠤᠨ ᠲᠣᠮᠲᠠ | ᠲᠡᠭᠡᠳᠦ ᠲᠦᠪᠰᠢᠨ ᠲᠡᠰᠢ ᠭᠥᠭᠵᠢᠭᠦ ᠶᠢ ᠠᠬᠢᠭᠤᠯᠤᠨ᠎ᠠ᠃ ᠨᠡᠭᠦᠷᠡᠰᠦ ᠴᠠᠬᠢᠯᠭᠠᠨ ᠤ ᠠᠵᠣ ᠦᠢᠯᠡᠰ ᠤᠨ ᠰᠠᠭᠤᠷᠢᠨ | ᠭᠠᠵᠠᠷ ᠢ ᠰᠠᠶᠢᠳᠣᠷ ᠪᠠᠶᠢᠭᠤᠯᠤᠨ᠎ᠠ᠃ ᠪᠠᠷᠠᠭᠤᠨ ᠬᠤᠶᠠᠳᠣᠭᠠᠷ᠂ ᠪᠠᠷᠠᠭᠤᠨ ᠭᠤᠷᠪᠠᠳᠣᠭᠠᠷ ᠨᠣᠮᠧᠷᠳᠣ ᠵᠠᠳᠠᠭᠠᠢ | ᠠᠭᠤᠷᠬᠠᠢ ᠶᠢᠨ ᠭᠠᠷ ᠭᠦᠢᠴᠡᠳᠬᠡᠯ ᠢ ᠪᠦᠷᠢᠨᠰᠢᠭᠦᠯᠵᠦ᠂ ᠣᠯᠠᠭᠠᠨᠲᠤᠭ ᠨᠡᠭᠦᠷᠡᠰᠦᠨ ᠠᠭᠤᠷᠬᠠᠢ ᠪᠤᠯᠤᠨ ᠰᠢ ᠯᠢᠩ | ᠨᠡᠭᠦᠷᠡᠰᠦᠨ ᠠᠭᠤᠷᠬᠠᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠦᠯ ᠵᠦᠢᠯ ᠤᠨ ᠪᠠᠶᠢᠭᠤᠯᠤᠯᠲᠠ ᠶᠢᠨ | ᠠᠰᠢᠭᠯᠠᠯᠲᠠ ᠳᠤ ᠣᠷᠣᠬᠤ ᠶᠢ ᠠᠬᠢᠭᠤᠯᠤᠨ᠂ ᠨᠡᠭᠦᠷᠡᠰᠦᠨ ᠤ ᠭᠠᠷᠣᠯᠲᠠ ᠶᠢ 3000 ᠭᠠᠷᠣᠢ ᠲᠦᠮᠡᠨ ᠲᠣᠨ ᠳᠤ | ᠬᠦᠷᠭᠡᠨ᠎ᠡ᠃ ᠰᠢᠯᠢ ᠶᠢᠨ ᠭᠤᠤᠯ ᠠᠶᠢᠮᠠᠭ ᠠᠴᠠ ᠱᠠᠨᠳᠦ᠋ᠩ ᠤᠨ ᠵᠢᠨᠠᠨ ᠬᠦᠷᠲᠡᠯᠡᠬᠢ᠂ ᠰᠢᠯᠢ ᠶᠢᠨ ᠭᠤᠤᠯ ᠠᠶᠢᠮᠠᠭ | ᠠᠴᠠ ᠵᠢᠶᠠᠩᠰᠣ ᠶᠢᠨ ᠲᠠᠶᠢᠵᠧᠣ ᠬᠦᠷᠬᠦ 2 ᠵᠣᠷᠪᠣᠰ ᠣᠨᠴᠠ ᠥᠨᠳᠦᠷ ᠬᠦᠴᠦᠲᠡᠯᠳᠦ ᠴᠠᠬᠢᠯᠭᠠᠨ ᠬᠦᠴᠦᠨ ᠢ | ᠭᠠᠳᠠᠭᠰᠢ ᠬᠦᠷᠭᠡᠬᠦ ᠵᠠᠮ ᠱᠣᠭᠤᠮ ᠪᠤᠯᠤᠨ ᠱᠧᠨ ᠬᠤᠸᠠ᠂ ᠳ᠋ᠠ ᠲᠠᠩ᠂ ᠣᠮᠠᠷᠠᠳᠣ ᠶᠢᠨ ᠴᠠᠬᠢᠯᠭᠠᠨ ᠬᠦᠴᠦᠨ᠂ | ᠮᠧᠩ ᠨᠧᠩ ᠠᠭᠤᠷᠬᠠᠢ ᠶᠢᠨ ᠣᠷᠣᠨ ᠤ ᠴᠠᠬᠢᠯᠭᠠᠨ ᠦᠢᠯᠡᠳᠪᠦᠷᠢ ᠶᠢᠨ ᠪᠦᠳᠦᠬᠡᠨ ᠪᠠᠶᠢᠭᠤᠯᠤᠯᠲᠠ ᠶᠢ | ᠲᠦᠷᠭᠡᠳᠬᠡᠵᠦ᠂ 2017 ᠣᠨ ᠳᠤ ᠠᠰᠢᠭᠯᠠᠯᠲᠠ ᠳᠤ ᠣᠷᠣᠬᠤ ᠶᠢ ᠪᠠᠳᠣᠯᠠᠨ᠎ᠠ᠃ ᠰᠢᠯᠢ ᠶᠢᠨ ᠭᠤᠤᠯ — ᠵᠠᠩ | ᠪᠧᠢ — ᠭᠠᠨᠵᠧᠣ ᠬᠦᠷᠲᠡᠯᠡᠬᠢ ᠣᠨᠴᠠ ᠥᠨᠳᠦᠷ ᠬᠦᠴᠦᠲᠡᠯᠳᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ | ᠱᠣᠭᠤᠮ ᠤᠨ ᠲᠥᠷᠦᠯ ᠵᠦᠢᠯ ᠢ ᠡᠷᠡᠮᠡᠯᠵᠡᠯᠡᠨ ᠣᠯᠬᠤ ᠪᠠᠷ ᠴᠢᠷᠮᠠᠶᠢᠨ᠎ᠠ᠃ ᠲᠦᠭᠦᠬᠡᠢ ᠴᠢᠯᠠᠭᠤᠨ ᠲᠤᠰᠣᠨ ᠤ | ᠭᠠᠷᠣᠯᠲᠠ ᠶᠢ 80 ᠲᠦᠮᠡᠨ ᠲᠣᠨ ᠣᠷᠴᠢᠮ ᠳᠤ ᠪᠠᠶᠢᠯᠭᠠᠨ᠎ᠠ᠃ ᠲᠤᠨᠤᠭ ᠲᠥᠬᠦᠬᠡᠷᠦᠮᠵᠢ ᠦᠢᠯᠡᠳᠬᠦ ᠦᠢᠯᠡᠰ ᠢ | ᠬᠦᠴᠦᠯᠡᠨ ᠬᠥᠭᠵᠢᠭᠦᠯᠦᠨ᠎ᠡ᠃ ︽ᠲᠤᠮᠳᠠᠳᠣ ᠣᠯᠣᠰ ᠦᠢᠯᠡᠳᠬᠦ 2025︾ ᠶᠢᠨ ᠭᠥᠭᠵᠢᠯᠲᠡ ᠶᠢᠨ ᠪᠠᠶᠢᠯᠳᠣᠬᠤ | ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠮᠢᠩ ᠶᠠᠩ ᠪᠦᠯᠦᠭᠯᠡᠯ ᠤᠨ ᠲᠤᠨᠤᠭ ᠲᠥᠬᠦᠬᠡᠷᠦᠮᠵᠢ ᠶᠢᠨ ᠠᠵᠤ | ᠦᠢᠯᠡᠰ ᠤᠨ ᠬᠦᠷᠢᠶᠡᠯᠡᠩ᠂ ᠱᠠᠩᠬᠠᠢ ᠶᠢᠨ ᠴᠠᠬᠢᠯᠭᠠᠨ ᠡᠨᠧᠷᠬᠢ ᠶᠢᠨ ᠮᠧᠬᠠᠨᠢᠭ ᠲᠤᠨᠤᠭᠯᠠᠯ ᠦᠢᠯᠡᠳᠬᠦ ᠠᠵᠤ | ᠦᠢᠯᠡᠰ ᠤᠨ ᠰᠠᠭᠤᠷᠢᠨ ᠭᠠᠵᠠᠷ᠂ ᠨᠢᠰᠬᠦ ᠣᠩᠭᠤᠴᠠ ᠰᠣᠳᠣᠯᠣᠨ ᠦᠢᠯᠡᠳᠬᠦ ᠵᠡᠷᠭᠡ ᠲᠥᠷᠦᠯ ᠵᠦᠢᠯ ᠤᠨ | ᠠᠰᠢᠭᠯᠠᠯᠲᠠ ᠳᠤ ᠣᠷᠣᠭᠤᠯᠬᠤ ᠶᠢ ᠠᠬᠢᠭᠤᠯᠣᠨ᠂ ᠰᠠᠯᠬᠢᠨ ᠬᠦᠴᠦᠨ ᠤ ᠮᠠᠰᠢᠨ ᠤ ᠰᠡᠩᠰᠡ ᠶᠢ ᠡᠭᠡᠭᠦᠯᠦᠨ | ᠬᠤᠷᠢᠶᠠᠵᠣ ᠶᠡᠷᠦᠩᠬᠡᠶᠢᠯᠡᠨ ᠠᠰᠢᠭᠯᠠᠬᠤ ᠪᠤᠯᠤᠨ ᠲᠤᠮᠤ ᠬᠡᠯᠪᠡᠷᠢ ᠶᠢᠨ ᠲᠤᠨᠤᠭ ᠲᠥᠬᠦᠬᠡᠷᠦᠮᠵᠢ ᠶᠢ ᠰᠡᠯᠪᠢᠨ ᠵᠠᠰᠠᠬᠤ | ᠲᠥᠷᠦᠯ ᠵᠦᠢᠯ ᠢ ᠲᠠᠳᠠᠨ ᠣᠷᠣᠭᠤᠯᠵᠣ ᠬᠡᠷᠡᠭᠵᠢᠭᠦᠯᠦᠨ᠂ ᠲᠤᠨᠤᠭ ᠲᠥᠬᠦᠬᠡᠷᠦᠮᠵᠢ ᠦᠢᠯᠡᠳᠬᠦ ᠠᠵᠣ ᠦᠢᠯᠡᠰ ᠤᠨ | ᠬᠠᠷᠢᠴᠠᠯ ᠢ ᠲᠡᠭᠡᠭᠰᠢᠯᠡᠭᠦᠯᠵᠦ᠂ ᠦᠷᠢᠰᠦᠯᠳᠦᠭᠡᠨ ᠤ ᠰᠢᠨ᠎ᠡ ᠲᠠᠪᠠᠭᠤᠯᠢᠭ ᠲᠠᠯ᠎ᠠ ᠪᠠ ᠠᠵᠣ ᠠᠬᠤᠢ ᠶᠢᠨ ᠨᠡᠮᠡᠭᠲᠡᠯ | ᠴᠡᠭ ᠢ ᠪᠦᠷᠢᠯᠳᠦᠭᠦᠯᠦᠨ᠎ᠡ᠃ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠣᠭᠰᠠᠨ ᠠᠵᠣ ᠦᠢᠯᠡᠰ ᠢ | ᠲᠦᠷᠭᠡᠨ ᠬᠥᠭᠵᠢᠭᠦᠯᠦᠨ᠎ᠡ᠃ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠭᠡᠷᠡᠯ ᠢᠶᠠᠷ ᠴᠠᠬᠢᠯᠭᠠᠨ ᠭᠠᠷᠭᠠᠬᠤ | ᠲᠥᠷᠦᠯ ᠵᠦᠢᠯ ᠤᠨ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠢᠲᠡᠪᠬᠢᠲᠠᠢ ᠡᠷᠡᠮᠡᠯᠵᠡᠯᠡᠨ᠂ ᠵᠢᠯ ᠤᠨ ᠲᠤᠳᠣᠷ᠎ᠠ | ᠬᠠᠢ ᠵᠣᠸᠠᠩ᠂ ᠮᠢᠩ ᠶᠠᠩ ᠵᠡᠷᠭᠡ ᠰᠠᠯᠬᠢᠨ ᠬᠦᠴᠦᠨ ᠤ ᠲᠥᠷᠦᠯ ᠵᠦᠢᠯ ᠢ ᠬᠢᠨᠠᠨ ᠵᠥᠪᠰᠢᠶᠡᠷᠡᠭᠦᠯᠬᠦ ᠪᠠᠷ | ᠴᠢᠷᠮᠠᠶᠢᠨ᠎ᠠ᠃ ᠡᠷᠬᠢᠯᠳᠡᠳᠦ ᠠᠵᠣ ᠠᠬᠤᠢ ᠶᠢ ᠬᠦᠴᠦᠯᠡᠨ ᠭᠥᠭᠵᠢᠭᠦᠯᠵᠦ᠂ ᠨᠡᠭᠦᠷᠡᠰᠦᠨ ᠦᠨᠡᠰᠦ᠂ ᠵᠣᠭᠠᠩ ᠵᠡᠷᠭᠡ | ᠶᠢ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ ᠢ ᠠᠬᠢᠭᠤᠯᠤᠨ᠂ ᠠᠵᠤ ᠦᠢᠯᠡᠳᠪᠦᠷᠢ ᠶᠢᠨ ᠬᠠᠳᠠᠭᠤ ᠪᠡᠶᠡᠳᠦ | ᠬᠠᠶᠠᠭᠳᠠᠮᠠᠯ ᠪᠤᠲᠠᠰ ᠤᠨ ᠣᠷᠴᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ | ᠠᠵᠤ ᠦᠢᠯᠡᠰ ᠤᠨ ᠬᠥᠭᠵᠢᠯᠲᠡ ᠶᠢᠨ ᠲᠡᠰ ᠲᠠᠪᠬᠤᠷᠭ᠎ᠠ ᠶᠢ ᠲᠡᠭᠡᠭᠰᠢᠯᠡᠭᠦᠯᠦᠨ᠎ᠡ᠃ ᠲᠥᠷᠦᠯ ᠵᠦᠢᠯ ᠪᠣᠯᠣᠨ | ᠠᠵᠣ ᠦᠢᠯᠡᠰ ᠡᠷᠬᠢᠯᠡᠬᠦ ᠶᠢ ᠥᠨᠳᠦᠷ ᠪᠠᠷᠢᠮᠵᠢᠶ᠎ᠠ ᠪᠠᠷ ᠱᠠᠭᠠᠷᠳᠠᠵᠣ᠂ ᠴᠡᠪᠡᠷ ᠡᠨᠧᠷᠬᠢ᠂ ᠥᠩᠭᠡᠳᠦ ᠲᠡᠮᠦᠷᠯᠢᠭ᠂ | ᠢᠨᠲ᠋ᠧᠷ ᠰᠦᠯᠵᠢᠶ᠎ᠡ + ᠵᠡᠷᠭᠡ ᠬᠦᠷᠢᠶ᠎ᠡ ᠴᠠᠷᠠᠭᠠᠨ ᠳᠤ᠂ ᠨᠢᠭᠡ ᠪᠦᠯᠦᠭ ᠮᠡᠷᠭᠡᠵᠢᠯ ᠤᠨ ᠠᠭᠤᠯᠤᠭᠳᠠᠴᠠ ᠥᠨᠳᠦᠷ᠂ | ᠡᠨᠧᠷᠬᠢ ᠠᠷᠪᠢᠯᠠᠨ ᠣᠷᠴᠢᠨ ᠲᠤᠭᠤᠷᠢᠨ ᠢ ᠬᠠᠮᠠᠭᠠᠯᠠᠬᠤ ᠶᠡᠭᠡ ᠲᠥᠷᠦᠯ ᠵᠦᠢᠯ ᠪᠠ ᠰᠠᠶᠢᠨ ᠲᠥᠷᠦᠯ ᠵᠦᠢᠯ ᠢ | ᠲᠠᠳᠠᠨ ᠣᠷᠣᠭᠤᠯᠵᠣ ᠭᠥᠭᠵᠢᠭᠦᠯᠦᠨ᠎ᠡ᠃ ᠲᠡᠮᠦᠷᠯᠢᠭ ᠪᠤᠯᠤᠨ ᠲᠡᠮᠦᠷᠯᠢᠭ ᠪᠤᠰᠣ ᠠᠭᠤᠷᠬᠠᠢ ᠶᠢᠨ ᠡᠬᠢ ᠪᠠᠶᠠᠯᠢᠭ ᠢ | ᠲᠦᠪᠯᠡᠷᠡᠭᠦᠯᠦᠨ᠂ ᠡᠬᠢ ᠪᠠᠶᠠᠯᠢᠭ ᠢ ᠲᠦᠪᠯᠡᠷᠡᠭᠦᠯᠵᠦ᠂ ᠠᠵᠤ ᠦᠢᠯᠡᠰ ᠤᠨ ᠬᠡᠯᠬᠢᠶᠡᠵᠢᠯ ᠢ ᠣᠷᠳᠣᠳᠬᠠᠨ᠎ᠠ᠃ | ᠲᠣᠮᠣ ᠲᠤᠭ᠎ᠠ ᠪᠠᠷᠢᠮᠲᠠ ᠶᠢᠨ ᠠᠵᠣ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠱᠧᠩ ᠯᠣ᠋ ᠮᠦᠷᠲᠡᠨ | ᠡᠵᠡᠮᠰᠢᠨ ᠬᠠᠭᠤᠷᠮᠠᠭ ᠢ ᠰᠡᠷᠭᠡᠶᠢᠯᠡᠬᠦ ᠰᠢᠰᠲ᠋ᠧᠮ ᠤᠨ ᠲᠠᠪᠴᠠᠩ᠂ ᠶᠣᠸᠠᠨ ᠵᠢᠩ ᠰᠢᠨ᠎ᠡ ᠡᠨᠧᠷᠬᠢ ᠣᠶᠣᠨᠴᠢ ᠡᠨᠧᠷᠬᠢ | ᠶᠢᠨ ᠬᠠᠮᠢᠶᠠᠷᠣᠯᠲᠠ ᠶᠢᠨ ᠲᠦᠪ ᠵᠡᠷᠭᠡ ᠰᠣᠷᠠᠭ ᠵᠠᠩᠬᠢ ᠶᠢᠨ ᠮᠡᠷᠭᠡᠵᠢᠯ ᠤᠨ ᠬᠡᠷᠡᠭᠯᠡᠭᠡᠨ ᠤ ᠲᠥᠷᠦᠯ ᠵᠦᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠷᠠᠭ ᠵᠠᠩᠬᠢ ᠶᠢᠨ ᠮᠡᠷᠭᠡᠵᠢᠯ ᠪᠤᠯᠤᠨ ᠠᠵᠤ ᠦᠢᠯᠡᠰ ᠤᠨ ᠬᠥᠭᠵᠢᠯᠲᠡ | ᠶᠢᠨ ᠬᠦᠨ ᠣᠶᠠᠯᠳᠣᠯ ᠢ ᠠᠬᠢᠭᠤᠯᠤᠨ᠎ᠠ᠃ ᠯᠠᠢ ᠭᠧᠨ ᠠᠮᠢᠳᠣ ᠪᠣᠲᠠᠰ ᠤᠨ ᠭᠧᠨ ᠤ ᠠᠵᠤ ᠦᠢᠯᠡᠰ ᠤᠨ ᠲᠥᠷᠦᠯ | ᠵᠦᠢᠯ ᠢ ᠠᠬᠢᠭᠤᠯᠵᠤ᠂ ᠡᠷᠡᠭᠦᠯᠵᠢᠯ ᠤᠨ ᠠᠵᠣ ᠦᠢᠯᠡᠰ ᠢ ᠪᠠᠶᠢᠭᠤᠯᠤᠨ᠎ᠠ᠃ ᠬᠦᠷᠢᠶᠡᠯᠡᠩ ᠲᠤᠭᠤᠷᠢᠭ ᠢ | ᠰᠢᠯᠢᠳᠡᠭᠵᠢᠭᠦᠯᠦᠨ ᠨᠡᠶᠢᠳᠬᠡᠵᠦ᠂ ᠰᠠᠭᠤᠷᠢ ᠲᠥᠬᠦᠬᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ | ᠬᠦᠷᠢᠶᠡᠯᠡᠩ ᠲᠤᠭᠤᠷᠢᠭ ᠤᠨ ᠠᠵᠣ ᠦᠢᠯᠡᠰ ᠤᠨ ᠲᠠᠳᠠᠨ ᠬᠠᠮᠣᠷᠬᠤ ᠪᠤᠯᠤᠨ ᠶᠡᠷᠦᠩᠬᠡᠶᠢᠯᠡᠭᠰᠡᠨ ᠲᠠᠭᠠᠭᠠᠴᠠ ᠶᠢᠨ | ᠴᠢᠳᠠᠪᠣᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ | ᠭᠤᠷᠪᠠ ᠳᠤ᠂ ᠭᠤᠷᠪᠠᠳᠤᠭᠠᠷ ᠠᠵᠤ ᠦᠢᠯᠡᠰ ᠢ ᠪᠤᠵᠠᠭᠠᠶᠢᠷᠠᠭᠤᠯᠵᠤ᠂ ᠦᠢᠯᠡᠴᠢᠯᠡᠭᠡᠨ ᠤ ᠦᠢᠯᠡᠰ ᠤᠨ ᠲᠡᠰ | ᠲᠠᠪᠰᠢᠯᠲᠠ ᠶᠢ ᠠᠬᠢᠭᠤᠯᠤᠨ᠂ ᠤᠳᠤ ᠦᠶ᠎ᠡ ᠶᠢᠨ ᠪᠤᠳᠠᠰ ᠤᠨ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ᠃ | ᠪᠤᠳᠠᠰ ᠤᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠴᠢᠳᠠᠪᠬᠢ ᠳᠤ ᠰᠢᠨ᠎ᠡ ᠪᠠᠷ ᠲᠤᠬᠢᠷᠠᠭᠤᠯᠤᠯᠲᠠ ᠪᠠ ᠪᠠᠶᠢᠷᠢ | ᠲᠤᠭᠲᠠᠭᠠᠯᠲᠠ ᠬᠢᠵᠤ᠂ ᠪᠤᠳᠠᠰ ᠤᠨ ᠭᠦᠢᠯᠭᠡᠭᠡᠨ ᠤ ᠡᠬᠢ ᠰᠤᠷᠪᠤᠯᠵᠢ ᠶᠢ ᠨᠢᠭᠡᠳᠬᠡᠨ᠂ ᠭᠠᠶᠢᠯᠢ ᠶᠢᠨ ᠪᠠᠲᠤᠯᠠᠭ᠎ᠠ | ᠪᠦᠬᠦᠢ ᠤᠷᠤᠨ᠂ ᠬᠦᠢᠲᠡᠨ ᠬᠦᠮᠤᠷᠭᠡ ᠶᠢᠨ ᠪᠠᠷᠠᠭᠠᠨ ᠤ ᠭᠦᠢᠯᠭᠡᠭᠡ᠂ ᠬᠦᠮᠤᠷᠭᠡ ᠳᠤ ᠬᠠᠳᠠᠭᠠᠯᠠᠬᠤ᠂ | ᠲᠤᠬᠢᠷᠠᠭᠤᠯᠤᠨ ᠬᠦᠷᠭᠡᠬᠦ ᠵᠡᠷᠭᠡ ᠦᠢᠯᠡᠴᠢᠯᠡᠭᠡ ᠶᠢ ᠬᠥᠭᠵᠢᠭᠦᠯᠦᠨ᠂ ᠪᠠᠶᠢᠷᠢᠰᠢᠭᠤᠯᠤᠯᠲᠡ ᠵᠦᠢ ᠵᠤᠬᠢᠰᠲᠠᠢ ᠪᠤᠳᠠᠰ | ᠤᠨ ᠭᠦᠢᠯᠭᠡᠭᠡᠨ ᠤ ᠲᠤᠤᠷ ᠤᠨ ᠰᠢᠰᠲ᠋ᠧᠮ ᠢ ᠪᠦᠷᠢᠯᠳᠦᠭᠦᠯᠵᠦ᠂ ᠲᠤᠮᠳᠠ ᠪᠠ ᠵᠡᠭᠦᠨ ᠭᠡᠰᠡᠭ ᠭᠠᠵᠠᠷ ᠤᠷᠤᠨ ᠳᠤ | ᠨᠦᠯᠤᠭᠡ ᠶᠡᠬᠡᠲᠡᠢ ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠲᠦᠪ ᠪᠣᠯᠣᠨ ᠤᠷᠤᠨ ᠪᠦᠰᠡ ᠶᠢᠨ ᠴᠢᠨᠠᠷᠲᠠᠢ ᠪᠤᠳᠠᠰ | ᠤᠨ ᠭᠦᠢᠯᠭᠡᠭᠡᠨ ᠤ ᠲᠦᠪᠯᠡᠷᠡᠭᠦᠯᠤᠨ ᠲᠠᠷᠬᠠᠭᠠᠬᠤ ᠲᠦᠪ ᠢ ᠪᠠᠶᠢᠭᠤᠯᠵᠤ᠂ ᠲᠤᠮᠳᠠᠲᠤ ᠤᠯᠤᠰ ᠪᠠ ᠮᠤᠩᠭᠤᠯ ᠤᠯᠤᠰ | ᠤᠨ ᠪᠤᠳᠠᠰ ᠤᠨ ᠭᠦᠢᠯᠭᠡᠭᠡᠨ ᠤ ᠣᠷᠴᠢᠨ ᠠᠬᠤᠢ ᠶᠢ ᠪᠦᠷᠢᠯᠳᠦᠭᠦᠯᠦᠨ᠎ᠡ᠃ ᠰᠢᠶᠡᠨ ᠳ᠋ᠠᠢ ᠪᠤᠳᠠᠰ ᠤᠨ ᠭᠦᠢᠯᠭᠡᠭᠡᠨ ᠤ | ᠬᠦᠷᠢᠶᠡᠯᠡᠩ ᠪᠤᠯᠤᠨ ᠮᠢᠨ ᠡᠾᠧ ᠪᠤᠳᠠᠰ ᠤᠨ ᠭᠦᠢᠯᠭᠡᠭᠡᠨ ᠤ ᠬᠦᠷᠢᠶᠡᠯᠡᠩ ᠢ ᠨᠢᠭᠡᠳᠭᠡᠬᠦ ᠠᠵᠢᠯ ᠢ ᠲᠦᠷᠭᠡᠳᠬᠡᠵᠦ᠂ | ︽ᠨᠢᠭᠡ ᠪᠤᠭᠤᠮᠲᠠ ᠬᠤᠶᠠᠷ ᠪᠠᠶᠢᠴᠠᠭᠠᠯᠲᠠ︾ ᠶᠢᠨ ᠪᠠᠶᠢᠭᠤᠯᠤᠮᠵᠢ ᠪᠠᠶᠢᠭᠤᠯᠤᠨ᠂ ᠭᠠᠶᠢᠯᠢ ᠶᠢᠨ ᠪᠠᠲᠤᠯᠠᠭ᠎ᠠ ᠪᠦᠬᠦᠢ | ᠤᠷᠤᠨ ᠤ ᠪᠤᠳᠠᠰ ᠤᠨ ᠭᠦᠢᠯᠭᠡᠭᠡᠨ ᠤ ᠲᠦᠪ ︵B ᠬᠡᠯᠪᠡᠷᠢ︶ ᠤᠨ ᠪᠦᠲᠤᠭᠡᠨ ᠪᠠᠶᠢᠭᠤᠯᠤᠯᠲᠠ ᠶᠢ ᠠᠬᠢᠭᠤᠯᠤᠨ᠎ᠠ᠃ | ᠠᠨ ᠺᠦᠸᠡᠢ ᠪᠤᠳᠠᠰ ᠤᠨ ᠭᠦᠢᠯᠭᠡᠭᠡᠨ ᠤ ᠬᠦᠷᠢᠶᠡᠯᠡᠩ ᠤᠨ ︽ᠦᠪᠡᠷᠲᠡᠭᠡᠨ ᠵᠠᠰᠠᠬᠤ ᠤᠷᠤᠨ ᠤ ᠲᠡᠰ ᠤᠨ | ᠦᠢᠯᠡᠴᠢᠯᠡᠭᠡᠨ ᠤ ᠦᠢᠯᠡᠰ ᠤᠨ ᠲᠦᠪᠯᠡᠷᠡᠯ ᠤᠨ ᠤᠷᠤᠨ︾ ᠤ ᠴᠢᠳᠠᠪᠬᠢ ᠶᠢ ᠭᠦᠢᠴᠡᠳ ᠪᠠᠳᠠᠷᠠᠭᠤᠯᠤᠨ᠂ ᠪᠠᠭ᠎ᠠ | ᠪᠢᠴᠢᠯ ᠠᠵᠤ ᠠᠬᠤᠶᠢᠯᠡᠯ ᠤᠨ ᠪᠤᠳᠠᠳᠤ ᠴᠤᠭᠴᠠ ᠶᠢᠨ ᠦᠢᠯᠡᠰ ᠪᠤᠰᠬᠠᠬᠤ ᠬᠦᠷᠢᠶᠡᠯᠡᠩ ᠤᠨ ᠪᠠᠶᠢᠭᠤᠯᠤᠯᠲᠠ ᠶᠢ | ᠲᠦᠷᠭᠡᠳᠭᠡᠨ᠎ᠡ᠃ ᠲᠢᠶᠠᠨ ᠡᠾᠸᠡᠭ ᠪᠤᠳᠠᠰ ᠤᠨ ᠭᠦᠢᠯᠭᠡᠭᠡᠨ ᠤ ᠬᠦᠷᠢᠶᠡᠯᠡᠩ ᠤᠨ ᠰᠠᠭᠦᠯᠴᠢ ᠶᠢᠨ ᠬᠤᠭᠤᠴᠠᠭᠠᠨ ᠤ | ᠪᠦᠲᠤᠭᠡᠨ ᠪᠠᠶᠢᠭᠤᠯᠤᠯᠲᠠ ᠶᠢ ᠪᠡᠶᠡᠯᠡᠭᠦᠯᠤᠨ᠎ᠡ᠃ | ᠠᠷᠠᠯᠵᠢᠶ᠎ᠠ ᠬᠤᠳᠠᠯᠳᠤᠭᠠᠨ ᠤ ᠠᠵᠤ ᠠᠬᠤᠢ ᠶᠢ ᠴᠡᠴᠡᠭᠯᠡᠨ ᠬᠦᠭᠵᠢᠭᠦᠯᠤᠨ᠎ᠡ᠃ ᠡᠯᠧᠺᠲᠷᠣᠨ ᠠᠷᠠᠯᠵᠢᠶ᠎ᠠ ᠶᠢ | ᠶᠡᠬᠡᠪᠡᠷ ᠬᠦᠭᠵᠢᠬᠦᠯᠵᠤ᠂ ᠤᠷᠤᠨ ᠤ ᠲᠡᠰ ᠤᠨ ᠡᠯᠧᠺᠲᠷᠣᠨ ᠠᠷᠠᠯᠵᠢᠶᠠᠨ ᠤ ᠠᠵᠤ ᠦᠢᠯᠡᠰ ᠤᠨ ᠬᠦᠷᠢᠶᠡᠯᠡᠩ | ᠬᠢᠭᠡᠳ ᠡᠯᠧᠺᠲᠷᠣᠨ ᠠᠷᠠᠯᠵᠢᠶᠠᠨ ᠤ ᠪᠤᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠵᠤ᠂ ᠦᠨᠤ ᠵᠢᠯ 60 ᠠᠵᠤ | ᠠᠬᠤᠶᠢᠯᠡᠯ ᠢ ᠬᠦᠷᠢᠶᠡᠯᠡᠩ ᠳᠤ ᠰᠠᠭᠤᠷᠢᠰᠢᠭᠤᠯᠤᠨ᠂ ᠰᠦᠯᠵᠢᠶᠡᠨ ᠠᠷᠠᠯᠵᠢᠶ᠎ᠠ ᠶᠢ ᠳ᠋ᠦᠩᠰᠢᠭᠤᠷ ᠲᠦᠭᠦᠷᠢᠭ ᠠᠴᠠ | ᠲᠠᠪᠠᠭᠤᠯᠤᠨ᠎ᠠ᠃ ᠬᠤᠲᠠ ᠶᠢᠨ ᠲᠦᠷᠭᠡᠨ ᠭᠤᠪᠢᠭᠤᠯᠭ᠎ᠠ ᠪᠠ ᠮᠠᠯᠵᠢᠬᠤ ᠤᠷᠤᠨ ᠤ ᠡᠯᠧᠺᠲᠷᠣᠨ ᠠᠷᠠᠯᠵᠢᠶᠠᠨ ᠤ | ᠠᠵᠤ ᠦᠢᠯᠡᠰ ᠤᠨ ᠬᠦᠭᠵᠢᠯᠲᠡ ᠶᠢ ᠵᠤᠷᠢᠭᠵᠢᠭᠤᠯᠤᠨ᠂ ᠮᠠᠯ ᠤᠨ ᠠᠰᠢᠭ ᠰᠢᠮ᠎ᠠ᠂ ᠦᠨᠳᠤᠰᠤᠲᠠᠨ ᠤ ᠤᠡᠴᠠᠯᠢᠭ | ᠲᠠᠢ ᠪᠠᠷᠠᠭ᠎ᠠ ᠲᠠᠸᠡᠷ ᠢ ᠰᠦᠯᠵᠢᠶᠡᠨ ᠲᠡᠭᠡᠷ᠎ᠠ ᠪᠤᠷᠤᠯᠠᠭᠤᠯᠬᠤ ᠪᠠ ᠰᠦᠯᠵᠢᠶᠡᠨ ᠠᠴᠠ ᠭᠠᠳᠠᠭᠤᠷ ᠪᠤᠷᠤᠯᠠᠭᠤᠯᠬᠤ ᠶᠢ | ᠤᠷᠭᠠᠨᠢᠭ ᠢᠶᠠᠷ ᠤᠶᠠᠯᠳᠤᠭᠤᠯᠤᠨ᠂ ᠪᠤᠷᠤᠯᠠᠭᠤᠯᠭ᠎ᠠ ᠶᠢᠨ ᠠᠷᠭ᠎ᠠ ᠵᠠᠮ ᠢ ᠰᠢᠯᠤᠭᠤᠳᠬᠠᠨ᠎ᠠ᠃ ᠢᠦᠢ ᠰᠢ ᠲᠠᠯᠠᠪᠠᠢ | ᠶᠢᠨ ᠲᠦᠷᠤᠯ ᠵᠦᠢᠯ ᠤᠨ ᠪᠦᠲᠤᠭᠡᠨ ᠪᠠᠶᠢᠭᠤᠯᠤᠯᠲᠠ ᠶᠢ ᠡᠬᠢᠯᠡᠭᠦᠯᠵᠤ᠂ ᠲᠤᠰᠬᠠᠶᠢᠵᠢᠭᠰᠡᠨ ᠵᠠᠬ᠎ᠠ ᠲᠡᠯᠭᠡᠭᠦᠷ ᠢ | ᠦᠭᠡᠷᠡᠴᠢᠯᠡᠨ ᠪᠠᠶᠢᠭᠤᠯᠵᠤ ᠲᠡᠰ ᠲᠡᠪᠰᠢᠭᠦᠯᠤᠨ᠎ᠡ᠃ ᠢᠳᠡᠭᠡᠨ ᠤᠮᠳᠠᠭᠠᠨ ᠪᠠ ᠵᠤᠴᠢᠳ ᠤᠨ ᠪᠠᠭᠤᠳᠠᠯ ᠤᠨ | ᠦᠢᠯᠡᠴᠢᠯᠡᠭᠡᠨ ᠤ ᠶᠠᠰᠤ ᠴᠢᠨᠠᠷ ᠪᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠲᠦᠪᠯᠡᠷᠡᠭᠦᠯᠤᠨ ᠴᠡᠭᠴᠡᠯᠡᠵᠤ᠂ | ᠦᠢᠯᠡᠴᠢᠯᠡᠭᠡᠨ ᠤ ᠦᠢᠯᠡᠰ ᠤᠨ ᠲᠡᠰ ᠲᠠᠪᠰᠢᠬᠦ ᠶᠢ ᠠᠬᠢᠭᠤᠯᠤᠨ᠎ᠠ᠃ | ᠰᠤᠶᠤᠯ ᠵᠢᠭᠤᠯᠴᠢᠯᠠᠯ ᠤᠨ ᠰᠤᠳᠤᠨ ᠪᠦᠳᠦᠬᠡᠭᠲᠡᠭᠦᠨ ᠢ ᠡᠭᠦᠳᠤᠨ᠎ᠡ᠃ ᠰᠤᠶᠤᠯ ᠬᠢᠭᠡᠳ ᠵᠢᠭᠤᠯᠴᠢᠯᠠᠯ ᠤᠨ | ᠦᠢᠯᠡᠰ ᠤᠨ ᠠᠭᠤᠰᠤᠯᠴᠡᠯ ᠢ ᠠᠬᠢᠭᠤᠯᠵᠤ᠂ ᠰᠤᠶᠤᠯ ᠵᠢᠭᠤᠯᠴᠢᠯᠠᠯ ᠤᠨ ᠰᠤᠳᠤᠨ ᠪᠦᠳᠦᠬᠡᠭᠲᠡᠭᠦᠨ ᠢ ᠡᠭᠦᠳᠤᠨ᠎ᠡ᠃ | ᠠᠳᠤᠭᠤᠨ ᠰᠤᠶᠤᠯ ᠤᠨ ᠲᠦᠪ ᠤᠨ ᠠᠭᠤᠳᠠᠮ ᠲᠠᠯᠠᠪᠠᠢ ᠶᠢᠨ ᠰᠠᠭᠤᠷᠢ ᠲᠦᠭᠦᠭᠡᠷᠤᠮᠵᠢ ᠶᠢ ᠪᠦᠷᠢᠨᠰᠢᠭᠦᠯᠵᠤ᠂ | ᠪᠠᠶᠠᠨᠰᠢᠯᠢ ᠦᠪᠡᠷᠮᠢᠴᠡ ᠤᠨᠴᠠᠯᠢᠭ ᠪᠦᠬᠦᠢ ᠠᠳᠤᠭᠤᠨ ᠰᠤᠶᠤᠯ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ | ᠪᠥᠲᠦᠭᠡᠨ ᠪᠠᠶᠢᠭᠤᠯᠤᠨ᠎ᠡ᠃ ᠰᠢᠯᠢ ᠶᠢᠨ ᠭᠤᠤᠯ ᠬᠡᠭᠡᠷ᠎ᠡ ᠶᠢᠨ ᠠᠮᠢᠲᠠᠨ ᠤᠷᠭᠤᠮᠠᠯ ᠤᠨ ᠬᠦᠷᠢᠶᠡᠯᠡᠩ ᠢ ᠠᠰᠢᠭᠯᠠᠯᠲᠠ | ᠳᠤ ᠤᠷᠤᠭᠤᠯᠬᠤ ᠪᠠᠷ ᠴᠢᠷᠮᠠᠶᠢᠵᠤ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠭᠠᠯᠲᠤ ᠠᠭᠤᠯᠠᠨ ᠤ ᠭᠠᠵᠠᠷ | ᠰᠢᠡᠵᠢᠯᠡᠭᠡᠨ ᠤ ᠴᠡᠴᠡᠷᠯᠢᠭ ᠢ ᠤᠯᠤᠰ ᠤᠨ ᠲᠡᠰ ᠤᠨ ᠭᠠᠵᠠᠷ ᠰᠢᠡᠵᠢᠯᠡᠭᠡᠨ ᠤ ᠴᠡᠴᠡᠷᠯᠢᠭ ᠪᠤᠯᠭᠠᠨ ᠪᠠᠶᠢᠭᠤᠯᠤᠨ᠎ᠠ᠃ | ᠬᠢᠯᠢ ᠠᠯᠤᠰᠯᠠᠭᠰᠡᠨ ᠵᠢᠭᠤᠯᠴᠢᠯᠠᠯ ᠪᠠ ᠮᠦᠩᠭᠦᠨ ᠡᠪᠤᠯ ᠤᠨ ᠵᠢᠭᠤᠯᠴᠢᠯᠠᠯ ᠤᠨ ᠠᠵᠢᠯᠯᠠᠭ᠎ᠠ ᠶᠢ ᠦᠷᠨᠢᠭᠦᠯᠵᠦ᠂ ︽ | ᠰᠢᠯᠢᠨ ᠦᠵᠡᠮᠵᠢ ᠶᠢᠨ ᠱᠤᠭᠤᠮ︾ ᠤᠨ ᠰᠤᠳᠤᠨ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠨ᠎ᠠ᠃ ᠤᠯᠡᠨ | ᠤᠯᠤᠰ ᠤᠨ ᠨᠡᠭᠦᠳᠡᠯ ᠮᠠᠯᠵᠢᠯ ᠤᠨ ᠰᠤᠶᠤᠯ ᠤᠨ ᠨᠠᠶᠢᠷ᠂ ᠲᠤᠮᠳᠠᠲᠤ ᠤᠯᠤᠰ ᠤᠨ ᠮᠤᠷᠢᠨ ᠮᠡᠷᠭᠡᠵᠢᠯ ᠤᠨ | ᠤᠷᠤᠯᠳᠤᠭᠠᠨ ᠵᠡᠷᠭᠡ ᠲᠤᠮᠤ ᠬᠡᠯᠪᠡᠷᠢ ᠶᠢᠨ ᠰᠤᠶᠤᠯ ᠲᠠᠮᠢᠷ ᠤᠨ ᠵᠢᠭᠤᠯᠴᠢᠯᠡᠯ ᠤᠨ ᠠᠵᠢᠯᠯᠠᠭ᠎ᠠ ᠶᠢ ᠰᠠᠶᠢᠲᠤᠷ | ᠡᠷᠬᠢᠯᠡᠵᠤ᠂ ᠡᠵᠡᠩᠨᠡᠨ ᠪᠤᠷᠤᠯᠠᠭᠤᠯᠬᠤ ᠰᠢᠨ᠎ᠡ ᠦᠢᠯᠠᠭᠠᠭᠳᠠᠬᠤᠨ ᠢ ᠡᠭᠦᠳᠴᠤ᠂ ︽ᠪᠤᠭᠤᠷᠤᠯ ᠲᠡᠤᠬᠡ ᠶᠢᠨ ᠬᠦᠯᠤᠭ᠌ | ᠤᠨ ᠮᠠᠭᠲᠠᠭᠠᠯ︾ ᠪᠤᠯᠤᠨ ᠠᠳᠤᠭᠤᠨ ᠰᠤᠶᠤᠯ ᠤᠨ ᠲᠦᠪ ᠤᠨ ᠮᠤᠷᠢᠨ ᠤ ᠤᠷᠤᠯᠳᠤᠭᠠᠨ ᠵᠡᠷᠭᠡ ᠬᠦᠳᠡᠯᠭᠡᠭᠡᠨ ᠢᠶᠠᠷ | ᠲᠠᠮᠵᠢᠵᠤ᠂ ᠬᠤᠲᠠ ᠶᠢᠨ ᠲᠦᠷᠢ ᠲᠦᠷᠬᠦ ᠶᠢ ᠬᠦᠢᠴᠡᠳ ᠬᠠᠷᠠᠭᠤᠯᠤᠨ᠂ ᠵᠢᠭᠤᠯᠴᠢᠯᠡᠯ ᠤᠨ ᠨᠦᠯᠤᠭᠡᠯᠡᠬᠦ ᠬᠦᠴᠤᠨ ᠢ | ᠲᠡᠭᠡᠭᠰᠢᠯᠡᠭᠦᠯᠤᠨ᠎ᠡ᠃ ᠵᠢᠭᠤᠯᠴᠢᠯᠡᠯ ᠤᠨ ᠦᠵᠡᠮᠵᠢ ᠶᠢᠨ ᠴᠡᠭ᠂ ᠦᠵᠡᠮᠵᠢ ᠶᠢᠨ ᠤᠷᠤᠨ ᠪᠠ ︽ᠮᠠᠯᠴᠢᠨ ᠠᠶᠢᠯ︾ | ᠤᠨ ᠵᠢᠭᠤᠯᠴᠢᠯᠠᠯ ᠤᠨ ᠴᠡᠭ ᠤᠨ ᠶᠡᠷᠤᠬᠡᠶᠢᠯᠡᠭᠰᠡᠨ ᠴᠡᠭᠴᠡᠯᠡᠯᠲᠡ ᠶᠢ ᠴᠢᠩᠭᠠᠳᠬᠠᠵᠤ᠂ ᠵᠢᠭᠤᠯᠴᠢᠯᠠᠯ ᠤᠨ ᠠᠵᠢᠯ | ᠤᠨ ᠪᠠᠶᠢᠭᠤᠯᠤᠯᠲᠠ ᠶᠢ ᠰᠠᠶᠢᠲᠤᠷ ᠠᠳᠬᠤᠨ᠂ ᠤᠬᠢ ᠰᠠᠶᠢᠨ ᠵᠢᠭᠤᠯᠴᠢᠯᠠᠯ ᠤᠨ ᠤᠷᠴᠢᠨ ᠢ ᠡᠭᠦᠳᠴᠤ᠂ ᠪᠦᠬᠦ ᠵᠢᠯ | ᠤᠨ ᠵᠢᠭᠤᠯᠴᠢᠯᠡᠯ ᠤᠨ ᠤᠷᠤᠯᠭ᠎ᠠ ᠶᠢ 70 ᠳ᠋ᠦᠩᠰᠢᠭᠤᠷ ᠲᠦᠭᠦᠷᠢᠭ ᠠᠴᠠ ᠲᠠᠪᠠᠭᠤᠯᠤᠨ᠎ᠠ᠃ | ︵ᠭᠤᠷᠪᠠ︶ ᠪᠤᠬᠢᠷᠳᠦᠯ ᠦᠭᠡᠢ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤᠵᠢᠭᠤᠯᠤᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠤᠯᠡᠮ ᠴᠢᠩᠭᠠᠳᠬᠠᠨ᠂ | ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠨ | ᠪᠠᠶᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠪᠠᠶᠢᠭᠤᠯᠤᠯᠲᠠ ᠶᠢ ᠴᠢᠩᠭᠠᠳᠬᠠᠨ᠎ᠠ᠃ 4.31 ᠳ᠋ᠦᠩᠰᠢᠭᠤᠷ ᠲᠦᠭᠦᠷᠢᠭ | ᠪᠡᠯᠨ ᠤᠷᠤᠭᠤᠯᠵᠤ᠂ ᠪᠡᠭᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ᠂ ᠭᠤᠣᠯᠳᠠᠯᠭᠠᠲᠣ ᠣᠷᠣᠨ ᠲᠣᠭᠤᠷᠢᠭ | ᠢ ᠨᠣᠭᠤᠭᠠᠷᠠᠭᠤᠯᠬᠤ᠂ ᠣᠰᠣᠨ ᠰᠢᠰᠲ᠋ᠧᠮ ᠢ ᠵᠠᠰᠠᠬᠤ ᠵᠡᠷᠭᠡ ᠠᠮᠢ ᠠᠬᠤᠢ ᠶᠢᠨ ᠲᠣᠮᠣ ᠴᠢᠬᠤᠯᠠ ᠢᠨᠵᠧᠨᠧᠷᠢᠩ ᠢ | 12.1 ᠲᠦᠮᠡᠨ ᠮᠤ᠋ ᠬᠡᠷᠡᠭᠵᠢᠭᠦᠯᠣᠨ᠎ᠡ᠃ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠠᠮᠢ ᠠᠬᠤᠢ ᠶᠢᠨ | ᠬᠠᠮᠠᠭᠠᠯᠠᠯᠲᠠ ᠶᠢᠨ ᠨᠦᠬᠦᠪᠤᠷᠢ ᠱᠠᠩᠨᠠᠯ ᠤᠨ ᠲᠦᠷᠤ ᠶᠢᠨ ᠪᠤᠳᠤᠯᠭ᠎ᠠ ᠶᠢ ᠬᠢᠨᠡᠮᠡᠭᠠᠢ ᠨᠠᠶᠢᠳᠠᠪᠤᠷᠢᠵᠢᠭᠤᠯᠵᠤ᠂ ᠨᠤᠲᠤᠭ | ᠪᠡᠯᠴᠢᠭᠡᠷ ᠤᠨ ᠲᠠᠭᠠᠭᠠᠴᠢᠯᠡᠨ ᠡᠵᠡᠩᠨᠡᠬᠦ ᠡᠷᠬᠡ ᠶᠢ ᠲᠤᠳᠤᠷᠬᠠᠶᠢᠯᠠᠨ ᠳᠠᠩᠰᠠᠯᠠᠵᠤ᠂ ᠦᠨᠡᠮᠯᠡᠯ ᠤᠯᠭᠤᠬᠤ ᠠᠵᠢᠯ ᠢ | ᠡᠮᠬᠢ ᠴᠡᠭᠴᠡ ᠲᠠᠢ ᠶᠠᠪᠤᠭᠳᠠᠭᠤᠯᠤᠨ᠎ᠠ᠃ ᠬᠠᠳᠤᠯᠠᠩ ᠪᠡᠯᠴᠢᠭᠡᠷ ᠰᠢᠯᠵᠢᠭᠦᠯᠤᠨ ᠬᠡᠷᠡᠭᠯᠡᠬᠦ ᠪᠠ ᠪᠠᠶᠢᠭᠠᠯᠢᠯᠢᠭ | ᠬᠠᠳᠤᠯᠡᠩ ᠪᠡᠯᠴᠢᠭᠡᠷ ᠤᠨ ᠬᠠᠮᠢᠶᠠᠷᠤᠯᠲᠠ ᠶᠢ ᠲᠦᠷᠢᠮᠵᠢᠭᠦᠯᠤᠨᠡ᠃ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ | ᠰᠡᠷᠭᠡᠶᠢᠯᠠᠯᠲᠠ᠂ ᠤᠢ ᠮᠤᠳᠤᠨ ᠤ ᠬᠠᠮᠠᠭᠠᠯᠠᠯᠲᠠ ᠬᠠᠮᠢᠶᠠᠷᠤᠯᠲᠠ ᠵᠡᠷᠭᠡ ᠠᠵᠢᠯ ᠢ ᠴᠢᠩᠭᠠᠳᠬᠠᠨ᠂ ᠠᠮᠢ ᠠᠬᠤᠢ ᠶᠢᠨ | ᠪᠦᠲᠤᠭᠡᠨ ᠪᠠᠶᠢᠭᠤᠯᠤᠯᠲᠠ ᠶᠢᠨ ᠦᠷ᠎ᠡ ᠪᠦᠲᠤᠭᠡᠯ ᠢ ᠰᠠᠶᠢᠲᠤᠷ ᠬᠠᠮᠠᠭᠠᠯᠠᠨ᠎ᠠ᠃ ᠠᠭᠤᠷᠬᠠᠢ ᠶᠢᠨ ᠤᠷᠤᠨ ᠤ ᠠᠮᠢ | ᠠᠬᠤᠢ ᠶᠢ ᠰᠡᠷᠭᠦᠭᠡᠨ ᠰᠠᠶᠢᠵᠢᠷᠠᠭᠤᠯᠵᠤ᠂ ᠰᠢᠷᠤᠢ ᠤᠪᠤᠭᠠᠯᠠᠬᠤ ᠲᠠᠯᠠᠪᠠᠢ ᠶᠢ ᠴᠡᠭᠴᠡᠯᠡᠨ ᠵᠠᠰᠠᠬᠤ ᠵᠡᠷᠭᠡ ᠠᠷᠭ᠎ᠠ | ᠠᠪᠴᠡᠯ ᠢ ᠴᠢᠩᠭ᠎ᠠ ᠨᠠᠶᠢᠳᠠᠪᠤᠷᠢᠵᠢᠭᠤᠯᠤᠨ᠂ ᠡᠶ᠎ᠡ ᠵᠤᠬᠢᠴᠠᠯᠲᠤ ᠪᠤᠬᠢᠷᠳᠤᠯ ᠦᠭᠡᠢ ᠠᠭᠤᠷᠬᠠᠢ ᠶᠢᠨ ᠤᠷᠤᠨ ᠢ | ᠪᠠᠶᠢᠭᠤᠯᠬᠤ ᠪᠠᠷ ᠴᠢᠷᠮᠠᠶᠢᠨ᠎ᠠ᠃ | ᠤᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠠᠭᠠᠷ ᠤᠨ ᠪᠤᠬᠢᠷᠳᠤᠯ ᠢ ᠰᠡᠷᠭᠡᠶᠢᠯᠡᠨ ᠵᠠᠰᠠᠬᠤ | ᠶᠢ ᠪᠦᠬᠦ ᠲᠠᠯ᠎ᠠ ᠪᠠᠷ ᠴᠢᠩᠭᠠᠳᠬᠠᠨ᠂ ᠨᠡᠭᠦᠷᠡᠰᠤᠨ ᠭᠦᠸᠧᠯᠤ ᠶᠢ ᠠᠯᠬᠤᠮ ᠠᠯᠬᠤᠮ ᠢᠶᠠᠷ ᠲᠠᠶᠠᠭᠳᠠᠬᠤ ᠠᠵᠢᠯ ᠢ | ᠡᠮᠬᠢ ᠴᠡᠭᠴᠡ ᠲᠠᠢ ᠠᠬᠢᠭᠤᠯᠵᠣ᠂ ᠠᠭᠠᠷ ᠤᠨ ᠪᠤᠬᠢᠷᠳᠤᠯ ᠪᠥᠭᠦᠢ ᠠᠵᠤ ᠠᠬᠤᠶᠢᠯᠡᠯ ᠢ ᠭᠠᠳᠠᠭᠰᠢᠯᠠᠭᠤᠯᠬᠤ | ᠪᠠᠷᠢᠮᠵᠢᠶ᠎ᠠ ᠪᠠᠷ ᠬᠢᠵᠠᠭᠠᠷᠯᠠᠨ᠎ᠠ᠃ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠥᠷᠢᠮ ᠠᠴᠠ ᠵᠦᠷᠢᠴᠡᠭᠰᠡᠨ | ᠲᠦᠷᠤᠯ ᠵᠦᠢᠯ ᠢ ᠴᠡᠭᠴᠡᠯᠡᠨ ᠵᠠᠰᠠᠨ᠎ᠠ᠃ ᠰᠢᠨ᠎ᠡ ᠬᠤᠲᠠᠲ᠋ᠤᠭᠤᠷᠢᠭ ᠤᠨ ᠪᠤᠵᠠᠷ ᠤᠰᠤ ᠴᠡᠪᠡᠷᠰᠢᠭᠦᠯᠵᠤ | ᠰᠢᠢᠳᠪᠤᠷᠢᠯᠡᠬᠦ ᠦᠢᠯᠡᠳᠪᠤᠷᠢ ᠶᠢ ᠦᠨᠡᠯᠡᠨ ᠰᠢᠯᠭᠠᠵᠤ ᠬᠢᠨᠡᠨ ᠪᠤᠳᠤᠯᠲᠡ ᠬᠢᠵᠤ᠂ ᠲᠠᠰ ᠲᠡᠪᠰᠢᠭᠦᠯᠤᠨ᠎ᠡ᠂ ᠳ᠋ᠠ | ᠵᠤᠸᠡᠩ ᠶᠤᠸᠡᠨ ᠵᠡᠷᠭᠡ ᠬᠦᠷᠢᠶᠡᠯᠡᠩ ᠲᠤᠭᠤᠷᠢᠭ ᠤᠨ ᠪᠤᠵᠠᠷ ᠤᠰᠤ ᠴᠡᠪᠡᠷᠰᠢᠭᠦᠯᠵᠤ ᠰᠢᠢᠳᠪᠤᠷᠢᠯᠡᠬᠦ ᠦᠢᠯᠡᠳᠪᠤᠷᠢ | ᠶᠢᠨ ᠪᠦᠲᠤᠭᠡᠨ ᠪᠠᠶᠢᠭᠤᠯᠤᠯᠲᠠ ᠶᠢ ᠲᠦᠷᠬᠡᠳᠬᠡᠵᠦ᠂ ᠬᠦᠷᠢᠶᠡᠯᠡᠩ ᠳᠤ ᠰᠠᠭᠤᠭ᠎ᠠ ᠠᠵᠤ ᠠᠬᠤᠶᠢᠯᠡᠯ ᠤᠨ ᠪᠠᠷᠢᠮᠵᠢᠶ᠎ᠠ | ᠶᠣᠰᠣᠭᠠᠷ ᠪᠠᠲᠣᠯᠠᠨ᠎ᠠ᠃ ᠨᠡᠭᠦᠷᠡᠰᠤ ᠬᠠᠳᠠᠭᠠᠯᠠᠬᠤ ᠲᠠᠯᠠᠪᠠᠢ ᠪᠠ ᠪᠠᠷᠢᠯᠭ᠎ᠠ ᠶᠢᠨ ᠭᠠᠵᠠᠷ ᠲᠤ ᠲᠤᠭᠤᠰᠤ ᠰᠢᠷᠤᠢ | ᠨᠠᠮᠳᠠᠭᠤᠯᠬᠤ ᠠᠷᠭ᠎ᠠ ᠠᠪᠴᠡᠯ ᠠᠪᠴᠤ᠂ ᠲᠤᠭᠤᠰᠤ ᠰᠢᠷᠤᠢ ᠶᠢᠨ ᠪᠤᠬᠢᠷᠳᠦᠯ ᠢ ᠪᠠᠭᠠᠰᠬᠠᠨ᠎ᠠ᠃ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠨ᠂ ᠬᠠᠤᠯᠢ ᠠᠴᠠ ᠵᠦᠷᠢᠴᠡᠭᠰᠡᠨ ᠤᠷᠴᠢᠨ ᠲᠤᠭᠤᠷᠢᠨ ᠤ ᠦᠢᠯᠨ | ᠠᠵᠢᠯᠯᠠᠭᠠᠨ ᠢ ᠴᠢᠩᠭ᠎ᠠ ᠪᠠᠶᠢᠴᠠᠭᠠᠨ ᠰᠢᠳᠭᠡᠨ᠎ᠡ᠃ | ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠠᠮᠢ ᠠᠬᠤᠢ ᠶᠢᠨ | ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠨ᠂ ᠨᠤᠲᠤᠭ ᠪᠡᠯᠴᠢᠭᠡᠷ ᠲᠠᠲᠠᠪᠤᠷᠢᠯᠡᠨ | ᠬᠡᠷᠡᠭᠯᠡᠬᠦ ᠳᠡᠭᠡᠨ ᠬᠢᠨᠡᠨ ᠬᠠᠷᠭᠤᠭᠤᠯᠵᠤ ᠬᠢᠨᠡᠨ ᠵᠦᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠤ᠂ ᠪᠠᠶᠢᠭᠠᠯᠢ ᠶᠢᠨ | ᠡᠳ᠋ ᠪᠠᠶᠠᠯᠢᠭ ᠡᠳ᠋ ᠬᠦᠷᠤᠩᠭᠡ ᠶᠢᠨ ᠦᠷᠢ ᠦᠭᠴᠡᠭᠡᠨ ᠤ ᠲᠠᠩᠰᠡ ᠶᠢ ᠰᠢᠨᠵᠢᠯᠡᠬᠦ ᠤᠬᠠᠭᠠᠨᠴᠢ ᠪᠠᠷ ᠪᠠᠶᠢᠭᠤᠯᠤᠨ᠂ | ᠲᠤᠰᠢᠶᠠᠯ ᠠᠴᠠ ᠰᠠᠯᠬᠤ ᠦᠶ᠎ᠠ ᠶᠢᠨ ᠪᠠᠶᠢᠭᠠᠯᠢ ᠶᠢᠨ ᠡᠳ᠋ ᠪᠠᠶᠠᠯᠢᠭ ᠡᠳ᠋ ᠬᠦᠷᠤᠩᠭᠡ ᠶᠢᠨ ᠬᠢᠨᠡᠨ ᠪᠤᠳᠤᠯᠲᠠ᠂ ᠠᠮᠢ | ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠡᠨ ᠠᠯᠳᠠᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠲᠦᠷᠢᠮ | ᠵᠡᠷᠭᠡ ᠠᠵᠢᠯ ᠢ ᠡᠮᠬᠢ ᠴᠡᠭᠴᠡ ᠲᠠᠢ ᠶᠠᠪᠤᠭᠳᠠᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠴᠢᠩᠭ᠎ᠠ | ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠤ᠂ ᠡᠨᠧᠷᠬᠢ ᠪᠠ ᠤᠰᠤᠨ ᠤ ᠡᠬᠢ ᠰᠤᠷᠪᠤᠯᠵᠢ ᠶᠢᠨ ᠬᠤᠷᠤᠭᠳᠠᠯ ᠢ | ᠪᠠᠭᠠᠰᠬᠠᠵᠤ᠂ ᠪᠦᠲᠤᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠬᠦ ᠶᠢ ᠬᠢᠵᠠᠭᠠᠷᠯᠠᠬᠤ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠂ ᠠᠮᠢ ᠠᠬᠤᠢ ᠶᠢᠨ ᠰᠤᠶᠤᠯ ᠢ ᠬᠦᠮᠦᠵᠢᠭᠦᠯᠦᠨ ᠪᠣᠵᠠᠭᠠᠶᠢᠷᠠᠭᠤᠯᠵᠦ᠂ ᠣᠷᠴᠢᠨ ᠲᠣᠭᠤᠷᠢᠨ | ᠤ ᠪᠣᠬᠢᠷᠲᠣᠯ ᠦᠭᠡᠢ ᠠᠵᠣ ᠦᠢᠯᠡᠰ ᠢ ᠬᠥᠭᠵᠢᠭᠦᠯᠦᠨ᠂ ᠠᠷᠪᠢᠯᠠᠨ ᠭᠠᠮᠨᠠᠬᠤ ᠶᠢ ᠰᠤᠷᠳᠠᠯᠴᠢᠯᠠᠵᠤ᠂ ᠪᠤᠬᠢᠷᠳᠤᠯ | ᠦᠭᠡᠢ ᠦᠢᠯᠡᠳᠪᠤᠷᠢᠯᠡᠯ ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡᠨ ᠤ ᠠᠷᠭ᠎ᠠ ᠬᠡᠯᠪᠡᠷᠢ ᠶᠢ ᠪᠤᠢ ᠪᠤᠯᠭᠠᠨ᠎ᠠ᠃ | ︵ᠲᠦᠷᠪᠡ︶ ᠪᠦᠲᠤᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡᠪᠡᠷ ᠴᠢᠩᠭᠠᠳᠬᠠᠵᠤ᠂ ᠬᠤᠲᠠ ᠶᠢᠨ | ᠪᠠᠭᠲᠠᠭᠠᠮᠵᠢ ᠲᠠᠭᠠᠭᠠᠴᠠ ᠶᠢ ᠶᠡᠭᠡᠰᠭᠡᠨ ᠲᠡᠰ ᠴᠢᠨᠠᠷᠵᠢᠯ ᠢ ᠲᠡᠭᠡᠭᠰᠢᠯᠡᠭᠦᠯᠤᠨ᠎ᠡ᠃ ᠤᠯᠤᠰ ᠤᠨ ᠰᠢᠶᠠᠨ ᠤ ᠲᠡᠰ ᠤᠨ | ᠪᠤᠯᠪᠠᠰᠤᠨ ᠬᠤᠲᠠ ᠪᠤᠯᠤᠨ ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ | ᠠᠵᠢᠯ ᠢ ᠪᠦᠬᠦ ᠬᠦᠴᠤᠨ ᠢᠶᠠᠷ ᠢᠶᠠᠨ ᠠᠬᠢᠭᠤᠯᠵᠤ᠂ ᠬᠤᠲᠠ ᠶᠢᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠂ | ᠡᠶ᠎ᠡ ᠵᠤᠬᠢᠴᠠᠯᠲᠠᠢ᠂ ᠤᠷᠤᠰᠢᠨ ᠠᠮᠢᠳᠤᠷᠠᠬᠤ ᠳᠤ ᠲᠤᠬᠢᠷᠠᠮᠵᠢᠲᠠᠢ᠂ ᠠᠮᠢᠵᠢᠷᠠᠯ ᠤᠨ ᠬᠦᠴᠤᠨ ᠢᠶᠠᠷ ᠪᠢᠯᠬᠠᠮ᠎ᠠ᠂ | ᠥᠪᠡᠷᠮᠢᠴᠡ ᠤᠨᠴᠠᠯᠢᠭ ᠲᠤᠪᠤᠶᠢᠮ᠎ᠠ ᠤᠳᠤᠬᠢᠴᠢᠯᠠᠭᠰᠡᠨ ᠬᠤᠲᠠ ᠶᠢ ᠴᠤᠭᠴᠠᠯᠠᠨ ᠪᠠᠶᠢᠭᠤᠯᠤᠨ᠎ᠠ᠃ | ᠬᠤᠲᠠ ᠶᠢᠨ ᠲᠠᠭᠠᠭᠠᠴᠠ ᠴᠢᠳᠠᠪᠬᠢ ᠶᠢ ᠲᠡᠭᠦᠯᠳᠡᠷᠵᠢᠭᠦᠯᠤᠨ᠎ᠡ᠃ ︽ᠠᠷᠠᠳ ᠤᠨ ᠠᠮᠢᠳᠤᠷᠠᠯ ᠢ ᠬᠠᠷᠠᠭᠠᠯᠵᠠᠬᠤ | ᠬᠤᠲᠠ ᠶᠢᠨ ᠪᠦᠲᠤᠭᠡᠨ ᠪᠠᠶᠢᠭᠤᠯᠤᠯᠲᠠ︾ ᠶᠢᠨ ᠦᠢᠯᠠᠭᠠᠭᠳᠠᠬᠤᠨ ᠢ ᠪᠠᠷᠢᠮᠲᠠᠯᠠᠵᠤ᠂ ᠨᠢᠭᠡᠲᠤᠯᠲᠠᠢ | ᠲᠦᠯᠤᠪᠵᠢᠭᠦᠯᠤᠯᠭᠡ ᠪᠠᠷ ᠬᠦᠲᠤᠯᠤᠭ᠍ᠴᠢ ᠪᠤᠯᠭᠠᠨ᠂ ᠭᠤᠤᠯᠳᠠᠯᠭᠠᠲᠤ ᠲᠦᠷᠤᠯ ᠵᠦᠢᠯ ᠢᠶᠠᠷ ᠰᠢᠪᠳᠤᠯᠤᠯᠲᠠ ᠪᠤᠯᠭᠠᠨ᠂ | ᠨᠠᠷᠢᠯᠢᠭ ᠬᠠᠮᠢᠶᠠᠷᠤᠯᠲᠠ ᠪᠠᠷ ᠪᠠᠲᠤᠯᠠᠭ᠎ᠠ ᠪᠤᠯᠭᠠᠵᠤ᠂ ᠠᠶᠢᠮᠠᠭ ᠤᠨ ᠲᠦᠪ ᠬᠤᠲᠠ ᠶᠢᠨ ᠪᠠᠶᠢᠷᠢ ᠴᠢᠳᠠᠪᠬᠢ ᠪᠠᠨ | ᠲᠤᠪᠤᠶᠢᠯᠭᠠᠨ᠂ ᠬᠤᠲᠠ ᠶᠢᠨ ᠲᠡᠰ ᠴᠢᠨᠠᠷᠵᠢᠯ ᠪᠠ ᠶᠡᠷᠤᠩᠬᠡᠶᠢᠯᠡᠭᠰᠡᠨ ᠲᠠᠭᠠᠭᠠᠴᠠ ᠴᠢᠳᠠᠪᠤᠷᠢ ᠶᠢ ᠪᠦᠬᠦ ᠲᠠᠯ᠎ᠠ ᠪᠠᠷ | ᠲᠡᠭᠡᠭᠰᠢᠯᠡᠭᠦᠯᠤᠨ᠎ᠡ᠃ ᠰᠢᠷᠠᠲᠠᠯ᠎ᠠ ᠵᠡᠭᠡᠯᠢ᠂ ᠲᠢᠶᠠᠡᠵᠢᠨ ᠵᠠᠮ᠂ ᠴᠦᠩᠴᠢᠩ ᠵᠠᠮ ᠵᠡᠷᠭᠡ 7 ᠵᠤᠷᠪᠤᠰ ᠵᠠᠮ ᠢ | ᠨᠡᠪᠲᠡᠷᠡᠭᠦᠯᠵᠤ᠂ ᠨᠠᠭᠠᠳᠤᠮ ᠵᠡᠭᠡᠯᠢ ᠶᠢ ᠦᠷᠭᠡᠳᠭᠡᠨ᠂ 9.8 ᠺᠢᠯᠤᠮᠧᠲᠷ ᠤᠨ ᠴᠠᠷᠳᠠᠮᠡᠯ ᠵᠠᠮ ᠲᠡᠪᠢᠰᠴᠦ᠂ 64 | ᠲᠦᠮᠡᠨ ᠲᠡᠭᠰᠢ ᠲᠦᠷᠪᠡᠯᠵᠢᠨ ᠮᠧᠲᠷ ᠤᠨ ᠶᠠᠪᠠᠭᠠᠨ ᠬᠦᠮᠤᠨ ᠤ ᠵᠠᠮ ᠢ ᠵᠠᠰᠠᠵᠤ ᠦᠭᠡᠷᠡᠴᠢᠯᠡᠨ᠂ ᠬᠤᠲᠠ ᠲᠤᠭᠤᠷᠢᠭ | ᠤᠨ ᠵᠠᠮ ᠬᠠᠷᠢᠯᠴᠠᠭ᠎ᠠ ᠶᠢ ᠰᠠᠶᠢᠵᠢᠷᠠᠭᠤᠯᠤᠨ᠎ᠠ᠃ ︽ᠲᠦᠭᠡᠭᠡᠯ ᠤᠰᠤ᠂ ᠪᠤᠷᠤᠭᠠᠨ ᠤ ᠤᠰᠤ᠂ ᠪᠤᠵᠠᠷ ᠤᠰᠤ︾ | ᠶᠢᠨ ᠬᠤᠭᠤᠯᠠᠢ ᠲᠤᠤᠷ 68 ᠺᠢᠯᠤᠮᠧᠲᠷ ᠤᠭᠰᠠᠷᠠᠵᠤ᠂ ᠢᠯᠴᠢ ᠬᠠᠩᠭᠠᠬᠤ ᠬᠤᠭᠤᠯᠠᠢ ᠲᠤᠤᠷ ᠵᠠᠰᠠᠵᠤ | ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠤ᠂ ᠪᠤᠵᠠᠷ ᠤᠰᠤ ᠴᠡᠪᠡᠷᠰᠢᠭᠦᠯᠵᠤ ᠰᠢᠢᠳᠪᠤᠷᠢᠯᠡᠬᠦ ᠦᠢᠯᠡᠳᠪᠤᠷᠢ ᠶᠢᠨ | ᠪᠠᠷᠢᠮᠵᠢᠶ᠎ᠠ ᠶᠢ ᠲᠡᠭᠡᠭᠰᠢᠯᠡᠭᠦᠯᠵᠤ᠂ ᠬᠤᠲᠠ ᠶᠢᠨ ᠰᠠᠭᠤᠷᠢ ᠲᠦᠬᠦᠭᠡᠷᠤᠮᠵᠢ ᠶᠢ ᠪᠦᠷᠢᠨᠰᠢᠭᠦᠯᠤᠨ᠎ᠡ᠃ ᠲᠦᠷᠪᠡ | ᠨᠤᠮᠧᠷᠲᠤ ᠨᠠᠭᠤᠷ ᠤᠨ ᠦᠵᠡᠮᠵᠢ ᠶᠢ ᠦᠭᠡᠷᠡᠴᠢᠯᠡᠨ ᠵᠠᠰᠠᠵᠤ᠂ ᠭᠤᠤᠯᠳᠠᠯᠭᠠᠲᠦ ᠤᠷᠤᠨ ᠲᠤᠭᠤᠷᠢᠭ ᠤᠨ ᠵᠡᠭᠡᠯᠢ | ᠲᠠᠭᠠᠤ ᠳᠤ ᠨᠤᠭᠤᠭᠠᠷᠠᠭᠤᠯᠤᠯᠲᠠ ᠬᠢᠵᠤ᠂ ᠬᠤᠲᠠ ᠲᠤᠭᠤᠷᠢᠭ ᠤᠨ 38 ᠡᠾᠧᠺᠲ᠋ᠠᠷ ᠪᠦᠬᠦᠢ ᠲᠠᠯᠠᠪᠠᠢ ᠳᠤ | ᠨᠤᠭᠤᠭᠠᠷᠠᠭᠤᠯᠤᠯᠲᠠ ᠬᠢᠵᠤ᠂ ᠬᠤᠲᠠ ᠶᠢᠨ ᠨᠤᠭᠤᠭᠠᠷᠠᠭᠤᠯᠤᠯᠲᠠ ᠭᠤᠶᠤᠵᠢᠭᠤᠯᠤᠯᠲᠠ ᠶᠢ ᠠᠬᠢᠭᠤᠯᠤᠨ᠎ᠠ᠃ 20 | ᠲᠦᠮᠡᠨ ᠲᠡᠭᠰᠢ ᠲᠦᠷᠪᠡᠯᠵᠢᠨ ᠮᠧᠲᠷ ᠪᠦᠬᠦᠢ ᠲᠠᠷᠬᠠᠢ ᠪᠠᠶᠢᠷᠢᠰᠢᠭᠰᠡᠨ ᠰᠠᠭᠤᠭᠠᠯᠢ ᠠᠷᠠᠳ ᠤᠨ ᠠᠰᠠᠷ ᠪᠠ | ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠲᠤ ᠡᠨᠧᠷᠬᠢ ᠠᠷᠪᠢᠯᠠᠬᠤ ᠪᠠ ᠤᠷᠴᠢᠨ ᠲᠤᠭᠤᠷᠢᠨ ᠢ | ᠰᠠᠶᠢᠵᠢᠷᠠᠭᠤᠯᠬᠤ ᠪᠦᠲᠤᠭᠡᠨ ᠪᠠᠶᠢᠭᠤᠯᠤᠯᠲᠠ ᠬᠢᠨ᠎ᠡ᠃ ᠲᠦᠭᠦᠮ ᠪᠦᠲᠤᠴᠡᠲᠤ ᠤᠷᠤᠨ ᠰᠠᠭᠤᠴᠠ ᠶᠢᠨ ᠤᠷᠤᠨ ᠢ | ᠵᠠᠰᠠᠨ ᠰᠠᠶᠢᠵᠢᠷᠠᠭᠤᠯᠬᠤ ᠲᠤᠰᠬᠠᠢ ᠪᠡᠯᠨ ᠮᠦᠩᠭᠦ ᠶᠢ ᠠᠮᠢᠳᠤᠯᠢᠭ ᠮᠦᠷᠲᠡᠭᠡᠨ ᠰᠠᠶᠢᠲᠤᠷ ᠬᠡᠷᠡᠭᠯᠡᠵᠤ᠂ ᠡᠨᠡ ᠵᠢᠯ | ᠬᠤᠲᠠ ᠲᠤᠭᠤᠷᠢᠭ ᠤᠨ 1064 ᠡᠷᠤᠬᠡ ᠶᠢᠨ ᠤᠷᠤᠨ ᠰᠠᠭᠤᠴᠠ ᠶᠢ ᠵᠠᠰᠠᠨ ᠰᠠᠶᠢᠵᠢᠷᠠᠭᠤᠯᠵᠤ᠂ ᠰᠢᠯᠢ ᠶᠢᠨ | ᠬᠤᠲᠠ ᠶᠢᠨ ᠨᠡᠭᠦᠷᠡᠰᠤᠨ ᠠᠭᠤᠷᠬᠠᠢ ᠶᠢᠨ 1000 ᠡᠷᠤᠬᠡ ᠶᠢᠨ ᠲᠦᠭᠦᠮ ᠪᠦᠲᠤᠴᠡᠲᠤ ᠤᠷᠤᠨ ᠰᠠᠭᠤᠴᠠ ᠶᠢ | ᠵᠠᠰᠠᠨ ᠰᠠᠶᠢᠵᠢᠷᠠᠭᠤᠯᠤᠨ᠎ᠡ᠃ ᠠᠵᠤ ᠠᠬᠤᠶᠢᠯᠡᠯ ᠢ ᠨᠡᠭᠦᠯᠭᠡᠨ ᠰᠢᠯᠵᠢᠭᠦᠯᠬᠦ ᠠᠵᠢᠯ ᠢ ᠰᠠᠶᠢᠲᠤᠷ ᠬᠢᠵᠤ᠂ ᠨᠢᠭᠡᠨᠲᠡ | ᠠᠵᠢᠯ ᠵᠤᠭᠰᠤᠭᠰᠡᠨ ᠪᠤᠶᠤ ᠠᠵᠢᠯ ᠤᠨ ᠠᠬᠢᠴᠨ ᠤᠳᠠᠭᠠᠨ ᠪᠠᠶᠢᠭ᠎ᠠ ᠪᠠᠷᠢᠯᠭ᠎ᠠ ᠶᠢᠨ ᠪᠦᠲᠤᠭᠡᠨ ᠪᠠᠶᠢᠭᠤᠯᠤᠯᠲᠠ ᠶᠢ | ᠲᠠᠬᠢᠨ ᠡᠬᠢᠯᠡᠭᠦᠯᠵᠤ᠂ ᠰᠢᠨ᠎ᠡ ᠲᠤᠭᠤᠷᠢᠭ ᠤᠨ ᠭᠠᠵᠠᠷ ᠲᠤᠤᠷᠠᠬᠢ ᠬᠤᠭᠤᠯᠠᠢ ᠲᠤᠤᠷ ᠪᠠ ᠴᠠᠷᠳᠠᠮᠡᠯ ᠵᠠᠮ ᠢ | ᠦᠭᠡᠷᠡᠴᠢᠯᠡᠨ ᠵᠠᠰᠠᠬᠤ ᠵᠡᠷᠭᠡ ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠲᠠ ᠶᠢᠨ ᠢᠨᠵᠧᠨᠧᠷᠢᠩ ᠢ | ᠰᠠᠶᠢᠲᠤᠷ ᠲᠦᠯᠤᠪᠯᠡᠵᠤ ᠬᠡᠷᠡᠭᠵᠢᠭᠦᠯᠤᠨ᠎ᠡ᠃ ᠬᠡᠦᠬᠡᠳ ᠤᠨ ᠴᠡᠩᠬᠡᠯ ᠤᠨ ᠤᠷᠳᠤᠨ ᠪᠠ ᠬᠤᠸᠡᠷ ᠴᠡᠴᠡᠭ ᠤᠨ ᠵᠠᠬ᠎ᠠ | ᠲᠡᠯᠭᠡᠭᠦᠷ ᠤᠨ ᠪᠠᠶᠢᠭᠤᠯᠤᠯᠲᠠ ᠶᠢᠨ ᠠᠵᠢᠯ ᠢ ᠡᠬᠢᠯᠡᠨ ᠬᠢᠵᠤ᠂ ᠶᠡᠷᠤᠩᠬᠡᠶᠢᠯᠡᠭᠰᠡᠨ ᠴᠢᠨᠠᠷᠲᠠᠢ ᠬᠤᠳᠠᠯᠳᠤᠭᠠᠨ ᠤ | ᠠᠵᠤ ᠠᠬᠤᠶᠢᠯᠡᠯ ᠢ ᠲᠠᠲᠠᠨ ᠤᠷᠤᠭᠤᠯᠵᠤ᠂ ᠦᠨᠳᠤᠷ ᠲᠡᠰ ᠤᠨ ᠺᠤᠹᠧ ᠶᠢᠨ ᠮᠤᠬᠤᠯᠠᠭ᠂ ᠴᠠᠢ ᠶᠢᠨ ᠪᠠᠭᠠᠷ ᠵᠡᠷᠭᠡ | ᠤᠯᠡᠨ ᠲᠦᠮᠡᠨ ᠤ ᠰᠡᠯᠡᠭᠦᠴᠡᠯ ᠤᠨ ᠲᠠᠯᠠᠪᠤᠷ ᠡᠷᠬᠢᠯᠡᠵᠤ᠂ ᠤᠯᠡᠨ ᠲᠦᠮᠡᠨ ᠤ ᠠᠳᠠᠯᠢ ᠪᠤᠰᠤ ᠬᠡᠷᠡᠭᠴᠡᠭᠡᠨ ᠤ | ᠱᠠᠭᠠᠷᠳᠠᠯᠭ᠎ᠠ ᠶᠢ ᠬᠠᠩᠭᠠᠵᠤ᠂ ᠬᠤᠲᠠ ᠵᠢᠨᠲ᠋ᠡᠰ ᠴᠢᠨᠠᠷᠵᠢᠯ ᠢ ᠲᠡᠭᠡᠭᠰᠢᠯᠡᠭᠦᠯᠤᠨ᠎ᠡ᠃ | ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠤᠨ᠎ᠡ᠃ ᠤᠷᠴᠢᠨ ᠲᠤᠭᠤᠷᠢᠨ ᠤ ᠡᠷᠡᠭᠦᠯ | ᠬᠠᠮᠠᠭᠠᠯᠠᠯ᠂ ᠲᠤᠷ᠎ᠠ ᠲᠠᠪᠠ ᠢᠶᠠᠷ ᠢᠶᠠᠨ ᠪᠠᠶᠢᠭᠤᠯᠬᠤ᠂ ᠵᠠᠮ ᠬᠠᠷᠰᠢᠯᠠᠵᠤ ᠡᠵᠡᠩᠨᠡᠬᠦ᠂ ᠠᠳᠠᠯ ᠠᠬᠤᠢ ᠶᠢᠨ | ᠬᠠᠮᠢᠶᠠᠷᠤᠯᠲᠠ᠂ ᠵᠠᠮ ᠬᠠᠷᠢᠯᠴᠠᠭᠠᠨ ᠤ ᠡᠮᠬᠢ ᠲᠢᠭᠯᠢᠮ᠂ ᠲᠡᠷᠭᠡ ᠵᠤᠭᠰᠤᠬᠤ ᠡᠮᠬᠢ ᠲᠢᠭᠯᠢᠮ᠂ ᠵᠠᠷ ᠮᠡᠳᠡᠭᠡᠨ ᠤ | ᠫᠠᠶᠢᠰᠨ ᠢᠯᠡᠷᠬᠡᠶᠢᠯᠡᠯ᠂ ᠪᠤᠴᠠᠭᠠᠵᠤ ᠨᠡᠭᠦᠯᠬᠡᠨ ᠲᠦᠪᠬᠢᠨᠡᠭᠦᠯᠬᠦ ᠵᠡᠷᠭᠡ ᠬᠤᠲᠠ ᠶᠢᠨ ᠬᠠᠮᠢᠶᠠᠷᠤᠯᠲᠠ ᠶᠢᠨ ᠲᠤᠪᠤᠶᠢᠮ᠎ᠠ | ᠠᠰᠠᠭᠤᠳᠠᠯ ᠠᠴᠠ ᠭᠠᠷᠳᠠᠵᠤ᠂ ᠪᠤᠯᠪᠠᠰᠤᠨ ᠬᠤᠲᠠ ᠪᠠᠶᠢᠭᠤᠯᠬᠤ ᠠᠵᠢᠯ ᠲᠠᠢ ᠤᠶᠠᠯᠳᠤᠭᠤᠯᠵᠤ᠂ ᠨᠢᠭᠡᠲᠤᠯᠲᠠᠢ | ᠴᠡᠭᠴᠡᠯᠡᠨ ᠵᠠᠰᠠᠵᠤ᠂ ᠱᠠᠭᠠᠷᠳᠠᠨ ᠪᠠᠶᠢᠴᠠᠭᠠᠵᠤ᠂ ᠵᠢᠯᠤᠭᠤᠳᠬᠤ ᠪᠠᠨ ᠴᠢᠩᠭᠠᠳᠬᠠᠨ᠂ ᠬᠤᠲᠠ ᠶᠢᠨ ᠪᠦᠬᠦᠶᠢᠯᠨ | ᠴᠤᠭᠴᠠ ᠶᠢᠨ ᠲᠦᠷᠢ ᠲᠦᠷᠬᠦ ᠳᠤ ᠮᠡᠳᠡᠭᠳᠡᠮ᠎ᠡ ᠬᠤᠪᠢᠷᠠᠯᠲᠠ ᠭᠠᠷᠬᠤ ᠶᠢ ᠪᠠᠲᠤᠯᠠᠨ᠎ᠠ᠃ ᠬᠤᠲᠠ ᠶᠢᠨ | ᠬᠠᠮᠢᠶᠠᠷᠤᠯᠲᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠦᠭᠡᠷᠡᠴᠢᠯᠡᠯᠲᠡ ᠶᠢ ᠢᠳᠡᠪᠬᠢᠲᠡᠢ | ᠠᠬᠢᠭᠤᠯᠵᠤ᠂ ᠡᠷᠬᠢᠯᠲᠡ ᠶᠢᠨ ᠦᠷ᠎ᠠ ᠠᠰᠢᠭ ᠦᠨᠳᠤᠷ᠂ ᠬᠠᠮᠢᠶᠠᠷᠤᠯᠲᠠ ᠨᠢ ᠡᠮᠬᠢ ᠲᠢᠭᠯᠢᠮ ᠲᠠᠢ ᠬᠤᠲᠠ ᠶᠢᠨ | ᠬᠠᠮᠢᠶᠠᠷᠤᠯᠲᠠ ᠶᠢᠨ ᠪᠠᠶᠢᠭᠤᠯᠤᠯ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠲᠤᠮᠤ ᠲᠤᠭ᠎ᠠ ᠪᠠᠷᠢᠮᠲᠠ ᠶᠢᠨ | ᠪᠠᠶᠢᠭᠤᠯᠤᠯᠲᠠ ᠳᠤ ᠲᠦᠰᠢᠭᠯᠡᠵᠦ᠂ ︽ᠤᠶᠤᠨᠴᠢ ᠰᠢᠯᠢ ᠶᠢᠨ ᠬᠤᠲᠠ︾ ᠶᠢᠨ ᠪᠠᠶᠢᠭᠤᠯᠤᠯᠲᠠ ᠶᠢ ᠲᠦᠷᠭᠡᠳᠭᠡᠨ᠂ | ᠰᠤᠷᠠᠭ ᠵᠠᠩᠬᠢ ᠢ ᠬᠠᠮᠲᠤᠪᠡᠷ ᠠᠰᠢᠭᠯᠠᠵᠤ ᠬᠡᠷᠡᠭᠯᠡᠬᠦ ᠶᠢ ᠪᠡᠶᠡᠯᠡᠭᠦᠯᠤᠨ᠂ ᠬᠤᠲᠠ ᠶᠢᠨ ᠬᠠᠮᠢᠶᠠᠷᠤᠯᠲᠠ ᠶᠢ | ᠵᠠᠭᠪᠤᠷᠴᠢᠯᠠᠯᠲᠠ᠂ ᠤᠶᠤᠨᠴᠢᠯᠠᠯᠲᠠ᠂ ᠬᠦᠮᠤᠨᠴᠢ ᠴᠢᠨᠠᠷᠯᠢᠭ ᠲᠡᠰᠢ ᠬᠦᠭᠵᠢᠭᠦᠯᠤᠨ᠎ᠡ᠃ | ︵ᠲᠠᠪᠤ︶ ᠨᠡᠶᠢᠭᠡᠮ ᠤᠨ ᠠᠵᠢᠯ ᠦᠢᠯᠡᠰ ᠢ ᠬᠦᠭᠵᠢᠭᠦᠯᠵᠤ᠂ ᠠᠷᠠᠳ ᠤᠨ ᠠᠵᠠ ᠬᠦᠷᠲᠡᠭᠡᠯ ᠢ ᠨᠡᠮᠡᠭᠳᠡᠭᠦᠯᠤᠨ᠎ᠡ | ᠃ ᠠᠷᠠᠳ ᠤᠨ ᠠᠮᠢᠳᠤᠷᠠᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠠᠵᠢᠯ ᠤᠨ ᠵᠢᠯᠤᠭᠤᠳᠤᠮᠵᠢ ᠪᠤᠯᠭᠠᠵᠤ᠂ ᠠᠷᠠᠳ | ᠤᠨ ᠠᠮᠢᠳᠤᠷᠠᠯ ᠤᠨ ᠪᠤᠳᠠᠳᠤ ᠶᠠᠪᠤᠳᠠᠯ ᠢ ᠰᠠᠶᠢᠲᠤᠷ ᠬᠢᠵᠤ᠂ ᠤᠯᠡᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ | ᠤᠯᠤᠯᠲᠠᠲᠤ ᠰᠠᠳᠬᠢᠯᠭᠡ ᠶᠢ ᠨᠡᠮᠡᠭᠳᠡᠭᠦᠯᠤᠨ᠎ᠠ᠃ | ᠰᠤᠷᠭᠠᠨ ᠬᠦᠮᠤᠵᠢᠯ ᠤᠨ ᠦᠢᠯᠡᠰ ᠢ ᠡᠩ ᠲᠡᠷᠢᠭᠦᠨ ᠳᠤ ᠬᠦᠭᠵᠢᠭᠦᠯᠤᠨ᠎ᠡ᠃ 2.07 ᠳ᠋ᠦᠩᠰᠢᠭᠤᠷ | ᠲᠦᠭᠦᠷᠢᠭ ᠤᠨ ᠪᠡᠯᠨ ᠤᠷᠤᠭᠤᠯᠵᠤ᠂ 12 ᠲᠦᠷᠤᠯ ᠤᠨ ᠰᠤᠷᠭᠠᠨ ᠬᠦᠮᠤᠵᠢᠯ ᠤᠨ ᠢᠨᠵᠧᠨᠧᠷᠢᠩ ᠢ ᠬᠡᠷᠡᠭᠵᠢᠭᠦᠯᠬᠦ | ᠪᠠᠷ ᠪᠠᠶᠢᠨ᠎ᠠ᠃ ᠬᠤᠲᠠ ᠲᠤᠭᠤᠷᠢᠭ ᠤᠨ 4 ᠰᠠᠭᠤᠷᠢ ᠠᠯᠪᠡᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ᠂ | ᠮᠠᠯᠵᠢᠬᠤ ᠤᠷᠤᠨ ᠤ 7 ᠰᠠᠭᠤᠷᠢ ᠠᠯᠪᠡᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ | ᠤᠷᠤᠭᠤᠯᠤᠨ᠂ ᠰᠢᠯᠢ ᠶᠢᠨ ᠬᠤᠲᠠ ᠶᠢᠨ ᠬᠡᠤᠬᠡᠳ ᠤᠨ ᠴᠡᠴᠡᠷᠯᠢᠭ ᠢ ᠨᠡᠭᠦᠯᠭᠡᠨ ᠪᠠᠶᠢᠭᠤᠯᠬᠤ ᠢᠨᠵᠧᠨᠧᠷᠢᠩ ᠢ | ᠡᠬᠢᠯᠡᠭᠦᠯᠵᠤ᠂ ᠰᠤᠷᠭᠠᠭᠤᠯᠢ ᠶᠢᠨ ᠨᠠᠰᠤᠨ ᠠᠴᠠ ᠡᠮᠤᠨᠡᠬᠢ ᠬᠡᠤᠬᠡᠳ ᠤᠨ ᠴᠡᠴᠡᠷᠯᠢᠭ ᠲᠤ ᠤᠷᠤᠬᠤ ᠨᠤᠷᠮ᠎ᠠ ᠶᠢ | 95% ᠠᠴᠠ ᠲᠡᠭᠡᠭᠰᠢ ᠬᠦᠷᠭᠡᠨ᠎ᠡ᠃ ᠬᠤᠶᠠᠷ᠂ ᠭᠤᠷᠪᠠᠳᠤᠭᠠᠷ ᠪᠠᠭ᠎ᠠ ᠰᠤᠷᠭᠠᠭᠤᠯᠢ ᠶᠢ ᠪᠠᠷᠢᠮᠵᠢᠶᠠᠨ ᠳᠤ ᠬᠦᠷᠭᠡᠵᠤ | ᠪᠦᠲᠤᠭᠡᠨ ᠪᠠᠶᠢᠭᠤᠯᠤᠨ᠂ ᠰᠢᠯᠢᠨ ᠪᠠᠭ᠎ᠠ ᠰᠤᠷᠭᠠᠭᠤᠯᠢ ᠶᠢ ᠪᠠᠷᠢᠯᠭ᠎ᠠ ᠡᠬᠢᠯᠡᠭᠦᠯᠦᠨ᠂ ᠦᠨᠤ ᠵᠢᠯ ᠤᠯᠤᠰ ᠬᠢᠭᠡᠳ | ᠦᠪᠡᠷᠲᠡᠭᠡᠨ ᠵᠠᠰᠠᠬᠤ ᠤᠷᠤᠨ ᠤ ᠠᠯᠪᠡᠨ ᠵᠢᠷᠤᠮ ᠤᠨ ᠰᠤᠷᠭᠠᠨ ᠬᠦᠮᠤᠵᠢᠯ ᠢ ᠦᠨᠳᠤᠰᠤᠨ ᠳᠡᠭᠡᠨ ᠲᠡᠩᠴᠡᠭᠦᠷᠢᠲᠠᠢ | ᠬᠦᠭᠵᠢᠬᠦᠯᠬᠦ ᠬᠢᠨᠡᠨ ᠰᠢᠯᠭᠠᠯᠲᠠ ᠶᠢ ᠳᠠᠪᠠᠭᠤᠯᠤᠨ᠎ᠠ᠃ ᠦᠨᠳᠤᠷ ᠲᠤᠮᠳᠠᠳᠤ ᠶᠢᠨ ᠤᠯᠤᠰ ᠤᠨ ᠰᠢᠯᠭᠠᠯᠲᠠ ᠶᠢᠨ | ᠵᠢᠩᠬᠢᠨᠢ ᠠᠩᠬᠢ ᠳᠤ ᠤᠷᠤᠬᠤ ᠨᠤᠷᠮ᠎ᠠ ᠶᠢ 75% ᠠᠴᠠ ᠲᠡᠭᠡᠭᠰᠢ ᠬᠦᠷᠬᠡᠵᠦ᠂ ᠰᠢᠨ᠎ᠡ ᠰᠢᠪᠲᠤᠯᠤᠯᠲᠠ ᠭᠠᠷᠭᠠᠨ᠎ᠠ᠃ | ᠮᠤᠩᠭᠤᠯ ᠬᠢᠳᠠᠳ ᠬᠤᠶᠠᠷ ᠬᠡᠯᠨ ᠪᠠᠷ ᠵᠢᠭᠠᠨ ᠰᠤᠷᠭᠠᠬᠤ ᠶᠢ ᠴᠢᠩᠭᠠᠳᠬᠠᠵᠤ᠂ ᠦᠨᠳᠤᠰᠤᠲᠠᠨ ᠤ ᠰᠤᠷᠭᠠᠨ | ᠬᠦᠮᠤᠵᠢᠯ ᠤᠨ ᠰᠢᠯᠢᠳᠡᠭ ᠰᠤᠷᠭᠠᠭᠤᠯᠢ ᠶᠢ ᠴᠤᠭᠴᠠᠯᠠᠨ ᠪᠠᠶᠢᠭᠤᠯᠤᠨ᠎ᠠ᠃ ᠵᠠᠬ᠎ᠠ ᠲᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠲᠠᠢ ᠲᠤᠬᠢᠷᠠᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠦᠮᠤᠵᠢᠭᠦᠯᠤᠨᠡ᠃ ᠵᠡᠮᠳᠡᠭ | ᠬᠡᠤᠬᠡᠳ ᠤᠨ ᠰᠤᠷᠭᠠᠨ ᠬᠦᠮᠤᠵᠢᠯ ᠬᠦᠷᠲᠡᠬᠦ ᠱᠠᠭᠠᠷᠳᠠᠯᠭ᠎ᠠ ᠶᠢ ᠬᠠᠩᠭᠠᠨ᠎ᠠ᠃ ᠰᠤᠷᠭᠠᠭᠤᠯᠢ ᠶᠢᠨ ᠠᠮᠤᠷ ᠲᠦᠪᠰᠢᠨ | ᠤ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠤᠮᠵᠢᠲᠠᠢ ᠲᠡᠭᠡᠭᠰᠢᠯᠡᠭᠦᠯᠤᠨ᠎ᠡ᠃ | ᠠᠵᠢᠯ ᠤᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠲᠤᠭᠲᠠᠴᠠ ᠶᠢ ᠪᠦᠷᠢᠨᠰᠢᠭᠦᠯᠤᠨ᠎ᠡ᠃ ︽ᠤᠯᠡᠨ ᠢᠶᠠᠷ | ᠢᠶᠠᠨ ᠦᠢᠯᠡᠰ ᠪᠤᠰᠬᠠᠵᠤ᠂ ᠨᠡᠶᠢᠲᠡ ᠪᠠᠷ ᠢᠶᠠᠨ ᠰᠢᠨ᠎ᠡ ᠶᠢ ᠡᠭᠦᠳᠬᠦ︾ ᠶᠢ ᠶᠡᠬᠡᠪᠡᠷ ᠠᠬᠢᠭᠤᠯᠵᠤ᠂ ᠦᠢᠯᠡᠰ | ᠪᠤᠰᠬᠠᠬᠤ ᠬᠦᠷᠢᠶᠡᠯᠡᠩ ᠲᠤᠭᠤᠷᠢᠭ ᠤᠨ ᠦᠢᠯᠡᠳᠤᠯ ᠢ ᠢᠳᠡᠪᠬᠢᠲᠠᠢ ᠪᠠᠳᠠᠷᠠᠭᠤᠯᠤᠨ᠂ ᠠᠵᠢᠯ ᠤᠯᠭᠤᠯᠲᠠ ᠶᠢ | ᠲᠡᠮᠵᠢᠨ ᠲᠡᠳᠭᠦᠬᠦ ᠲᠦᠷᠤ ᠶᠢᠨ ᠪᠤᠳᠤᠯᠭ᠎ᠠ ᠶᠢ ᠲᠡᠭᠦᠯᠳᠡᠷᠵᠢᠭᠦᠯᠵᠤ᠂ ᠦᠢᠯᠡᠰ ᠪᠤᠰᠬᠠᠬᠤ ᠵᠢᠭᠡᠯᠡᠯᠭᠡ 1 | ᠳ᠋ᠦᠩᠰᠢᠭᠤᠷ ᠲᠦᠭᠦᠷᠢᠭ ᠤᠯᠭᠤᠨ᠎ᠡ᠃ ᠤᠶᠤᠳᠠᠳ ᠤᠨ ᠦᠢᠯᠡᠰ ᠪᠤᠰᠬᠠᠬᠤ ᠶᠢ ᠬᠦᠲᠤᠯᠤᠨ ᠲᠠᠭᠠᠭᠤᠯᠬᠤ ᠪᠠ | ᠠᠵᠢᠯ ᠤᠯᠭᠤᠬᠤ ᠶᠢ ᠠᠬᠢᠭᠤᠯᠵᠤ᠂ ᠤᠶᠤᠳᠠᠳ ᠪᠠ ᠨᠡᠭᠦᠯᠭᠡᠨ ᠰᠢᠯᠵᠢᠭᠦᠯᠵᠤ ᠬᠤᠲᠠ ᠳᠤ ᠤᠷᠤᠭᠰᠡᠨ ᠮᠠᠯᠴᠢᠨ | ᠲᠠᠷᠢᠶᠠᠴᠢᠳ ᠵᠡᠷᠭᠡ ᠭᠤᠤᠯᠳᠠᠯᠭ᠎ᠠ ᠲᠠᠢ ᠬᠦᠮᠤᠰ ᠤᠨ ᠠᠵᠢᠯ ᠤᠯᠭᠤᠯᠲᠠ ᠶᠢ ᠰᠠᠶᠢᠲᠤᠷ ᠬᠢᠵᠤ᠂ ᠪᠦᠬᠦ ᠵᠢᠯ ᠳᠤ 1. | 8 ᠲᠦᠮᠡᠨ ᠠᠵᠢᠯ ᠤᠨ ᠪᠠᠶᠢᠷᠢ ᠶᠢ ᠡᠮᠬᠢᠯᠡᠨ ᠪᠡᠯᠡᠳᠭᠡᠨ᠎ᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠠ ᠶᠢᠨ | ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠬᠦ ᠠᠵᠢᠯ ᠢ ᠲᠦᠷᠭᠡᠳᠭᠡᠨ᠂ ᠪᠦᠬᠦ | ᠠᠷᠠᠳ ᠢᠶᠠᠷ ᠢᠶᠠᠨ ᠲᠠᠭᠠᠳᠬᠠᠯ ᠳᠤ ᠤᠷᠤᠬᠤ ᠶᠢ ᠠᠬᠢᠭᠤᠯᠵᠤ᠂ ᠬᠤᠲᠠ ᠬᠦᠳᠡᠭᠡ ᠶᠢᠨ ᠬᠠᠮᠤᠭ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠲᠠᠪᠤᠨ ᠪᠠᠲᠤᠯᠠᠭᠠᠲᠤ ᠡᠷᠦᠬᠡ᠂ ︽ᠠᠮᠢᠳᠤᠷᠠᠯ ᠤᠨ ᠢᠷᠡᠯᠲᠡ ᠦᠭᠡᠢ᠂ ᠬᠦᠳᠡᠯᠮᠤᠷᠢ | ᠬᠦᠴᠤᠨ ᠦᠭᠡᠢ᠂ ᠠᠰᠠᠷᠠᠵᠤ ᠬᠠᠷᠠᠭᠠᠯᠵᠠᠬᠤ ᠬᠦᠮᠤᠨ ᠦᠭᠡᠢ︾ ᠬᠥᠮᠦᠰ᠂ ᠴᠡᠷᠢᠭ ᠠᠴᠠ ᠬᠠᠯᠠᠭᠳᠠᠭᠰᠠᠳ ᠵᠡᠷᠭᠡ | ᠬᠦᠮᠤᠰ ᠤᠨ ᠨᠠᠶᠢᠭᠡᠮ ᠤᠨ ᠪᠠᠲᠤᠯᠠᠭ᠎ᠠ ᠶᠢᠨ ᠲᠦᠪᠰᠢᠨ ᠢ ᠲᠡᠭᠡᠭᠰᠢᠯᠡᠭᠦᠯᠤᠨ᠎ᠡ᠂ ᠵᠡᠮᠳᠡᠭᠴᠤᠳ ᠵᠡᠷᠭᠡ ᠤᠨᠴᠠ | ᠬᠦᠴᠢᠷᠳᠡᠯᠲᠠᠢ ᠤᠯᠡᠨ ᠲᠦᠮᠡᠨ ᠢ ᠬᠠᠪᠰᠤᠷᠤᠨ ᠲᠡᠳᠬᠦᠬᠦ ᠡᠷᠴᠢᠮ ᠢ ᠴᠢᠩᠭᠠᠳᠬᠠᠨ᠂ ᠦᠨᠳᠤᠷ ᠨᠠᠰᠤᠵᠢᠯ ᠤᠨ | ᠨᠦᠬᠦᠪᠤᠷᠢ ᠶᠢᠨ ᠪᠦᠷᠬᠦᠴᠡ ᠪᠠ ᠬᠤᠲᠠ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ | ᠦᠷᠭᠡᠳᠭᠡᠨ᠎ᠡ᠃ ︽ᠰᠢᠯᠢᠨ ᠢ ᠡᠾᠧ ᠶᠤᠸᠡᠨ︾ ᠨᠠᠰᠤᠵᠢᠯ ᠤᠨ ᠲᠦᠪ ᠤᠨ ᠪᠦᠲᠤᠭᠡᠨ ᠪᠠᠶᠢᠭᠤᠯᠤᠯᠲᠠ ᠶᠢ | ᠲᠦᠷᠭᠡᠳᠭᠡᠨ᠂ ︽ᠠᠴᠢᠯᠡᠯ︾ ᠮᠠᠯᠴᠢᠳ ᠤᠨ ᠨᠠᠰᠤᠵᠢᠯ ᠤᠨ ᠬᠦᠷᠢᠶᠡᠯᠡᠩ ᠤᠨ ᠰᠠᠭᠤᠷᠢ ᠲᠦᠬᠦᠭᠡᠷᠤᠮᠵᠢ ᠶᠢ ᠲᠡᠰ | ᠲᠡᠪᠰᠢᠭᠦᠯᠤᠨ᠂ ︽ᠰᠢᠯᠢᠨ ᠮᠠᠯᠴᠢᠨ ᠠᠶᠢᠯ︾ ᠬᠡᠤᠬᠡᠳ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠢ | ᠠᠰᠢᠭᠯᠠᠯᠲᠠ ᠳᠤ ᠤᠷᠤᠭᠤᠯᠤᠨ᠎ᠠ᠃ | ᠲᠦᠯᠦᠪᠯᠡᠭᠡᠲᠦ ᠦᠷᠡᠵᠢᠯ ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠬᠦᠭᠵᠢᠯᠲᠡ ᠶᠢ ᠲᠦᠷᠭᠡᠳᠬᠡᠨ᠎ᠡ᠃ | ᠡᠮ ᠡᠮᠨᠡᠯᠭᠡ ᠪᠠ ᠦᠢᠯᠡᠴᠢᠯᠡᠭᠡᠨ ᠤ ᠴᠢᠳᠠᠪᠣᠷᠢ ᠶᠢ ᠲᠡᠭᠡᠭᠰᠢᠯᠡᠭᠦᠯᠬᠦ ᠠᠵᠢᠯᠯᠠᠭᠠᠨ ᠤ ᠲᠦᠯᠦᠪᠯᠡᠭᠡ ᠶᠢ | ᠭᠦᠨᠵᠡᠭᠡᠶᠢᠷᠡᠭᠦᠯᠦᠨ ᠠᠬᠢᠭᠤᠯᠵᠦ᠂ ᠲᠣᠰ ᠵᠢᠯ ᠳᠤ ᠬᠤᠲᠠ ᠶᠢᠨ ᠬᠢᠵᠢᠭ ᠭᠡᠮ ᠢ ᠰᠡᠷᠭᠡᠶᠢᠯᠡᠨ ᠡᠵᠡᠮᠳᠡᠬᠦ ᠲᠥᠪ᠂ | ᠬᠤᠲᠠ ᠶᠢᠨ ᠡᠬᠡ ᠨᠢᠯᠬᠠᠰ ᠤᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠲᠠᠭᠤᠰᠬᠠᠵᠦ᠂ ᠪᠤᠯᠠᠭᠠᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠪᠠ ᠭᠠᠴᠠᠭᠠᠨ ᠤ ᠡᠷᠡᠭᠦᠯ ᠬᠠᠮᠠᠭᠠᠯᠠᠯ ᠤᠨ | ᠲᠠᠰᠤᠭ ᠢ ᠦᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠣᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠰᠢᠰᠲ᠋ᠧᠮ ᠢ ᠪᠦᠷᠬᠦᠭᠦᠯᠦᠨ ᠪᠦᠷᠢᠨᠰᠢᠭᠦᠯᠣᠨᠡ᠃ ᠠᠶᠢᠮᠠᠭ ᠤᠨ ᠰᠢᠭᠤᠳ ᠬᠠᠷᠢᠶ᠎ᠠ ᠭᠤᠷᠪᠠᠳᠣᠭᠠᠷ | ᠳᠡᠰ ᠤᠨ ᠡᠮᠨᠡᠯᠭᠡ ᠶᠢᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠮᠴᠢᠯᠡᠭᠡᠨ ᠤ ᠲᠦᠪ ᠲᠤ ᠬᠤᠯᠪᠣᠭᠠᠯᠠᠨ ᠡᠮᠴᠢᠯᠡᠬᠦ | ᠶᠢ ᠲᠦᠯᠬᠢᠨ ᠠᠬᠢᠭᠤᠯᠵᠦ᠂ ᠡᠪᠡᠳᠴᠢᠨ ᠦᠵᠡᠭᠦᠯᠬᠦ ᠳᠤ ᠰᠠᠭᠠᠳ ᠲᠣᠳᠬᠠᠷ ᠦᠭᠡᠢ᠂ ᠲᠣᠰᠬᠠᠢ ᠮᠡᠷᠭᠡᠵᠢᠯᠲᠡᠨ | ᠢᠷᠡᠵᠦ ᠡᠮᠴᠢᠯᠡᠬᠦ ᠪᠤᠯᠤᠨ ᠬᠤᠷᠢᠶ᠎ᠠ ᠰᠢᠯᠵᠢᠭᠦᠯᠤᠨ ᠡᠮᠴᠢᠯᠡᠬᠦ ᠶᠢ ᠬᠡᠷᠡᠭᠵᠢᠭᠦᠯᠦᠨ᠎ᠡ᠃ ᠮᠣᠩᠭᠤᠯ ᠬᠢᠲᠠᠳ ᠡᠮ | ᠡᠮᠨᠡᠯᠭᠡ ᠶᠢᠨ ᠦᠢᠯᠡᠰ ᠤᠨ ᠦᠳᠲᠡᠷ ᠲᠦᠷᠭᠡᠨ ᠬᠦᠭᠵᠢᠬᠦ ᠶᠢ ᠠᠬᠢᠭᠤᠯᠵᠦ᠂ ᠬᠠᠯᠳᠠᠪᠣᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠪᠠ ᠡᠬᠡ ᠨᠢᠯᠬᠠᠰ ᠤᠨ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠷᠢ ᠲᠦᠪᠰᠢᠨ ᠢ | ᠲᠡᠭᠡᠭᠰᠢᠯᠡᠭᠦᠯᠦᠨ᠂ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ | ᠲᠡᠭᠦᠯᠳᠡᠷᠵᠢᠭᠦᠯᠦᠨ᠎ᠡ᠃ ᠮᠠᠯᠴᠢᠳ ᠲᠤ ᠰᠦᠢᠳᠬᠡᠯ ᠦᠭᠡᠢ ᠪᠡᠶ᠎ᠡ ᠶᠢᠨ ᠪᠠᠶᠢᠴᠠᠭᠠᠯᠲᠠ ᠬᠢᠵᠦ ᠦᠭᠬᠦ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠦ᠂ ᠡᠷᠡᠭᠦᠯ ᠴᠢᠬᠢᠷᠠᠭᠵᠢᠯ ᠤᠨ ᠡᠮ ᠤᠨ ᠬᠠᠶᠢᠷᠴᠠᠭ ᠲᠠᠷᠬᠠᠭᠠᠬᠤ ᠬᠦᠷᠢᠶ᠎ᠡ ᠬᠡᠪᠴᠢᠶ᠎ᠡ | ᠪᠠᠨ ᠦᠷᠭᠡᠳᠬᠡᠨ᠎ᠡ᠃ ᠨᠢᠭᠡ ᠬᠤᠣᠰ ᠡᠷ᠎ᠡ ᠡᠮ᠎ᠡ ᠬᠤᠶᠠᠷ ᠬᠡᠣᠬᠡᠳ ᠠᠪᠴᠣ ᠪᠣᠯᠬᠤ ᠲᠦᠷᠦ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠰᠣᠶᠣᠯ ᠲᠠᠮᠢᠷ ᠤᠨ ᠠᠵᠢᠯ ᠦᠢᠯᠡᠰ ᠢ ᠶᠡᠭᠡᠪᠡᠷ ᠬᠦᠭᠵᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠲᠠᠮᠢᠷ | ᠤᠨ ᠲᠠᠯᠠᠪᠠᠢ ᠶᠢᠨ ᠪᠠᠶᠢᠭᠤᠯᠣᠯᠲᠠ ᠶᠢ ᠴᠢᠩᠭᠠᠳᠬᠠᠵᠦ᠂ ᠭᠠᠴᠠᠭᠠᠨ ᠤ ᠰᠣᠶᠣᠯ ᠤᠨ ᠣᠷᠳᠣᠨ ᠤ ᠪᠡᠯᠡᠳᠬᠡᠯ | ᠲᠦᠭᠦᠭᠡᠷᠦᠮᠵᠢ ᠶᠢ ᠲᠣᠬᠢᠷᠠᠭᠤᠯᠣᠨ ᠲᠡᠭᠦᠯᠳᠡᠷᠵᠢᠭᠦᠯᠣᠨᠡ᠃ ︽ᠰᠢᠯᠢ ᠶᠢᠨ ᠭᠤᠣᠯ ᠤᠨ ᠵᠣᠨ︾᠂ ︽ᠰᠣᠶᠣᠯ᠂ | ᠡᠷᠡᠭᠦᠯ ᠬᠠᠮᠠᠭᠠᠯᠠᠯ᠂ ᠰᠢᠨᠵᠢᠯᠡᠭᠡ ᠮᠡᠷᠭᠡᠵᠢᠯ ᠬᠦᠳᠡᠭᠡ ᠪᠠᠭᠤᠬᠤ︾ ᠵᠡᠷᠭᠡ ᠤᠯᠠᠨ ᠲᠥᠮᠡᠨ ᠤ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠣᠷ ᠵᠣᠬᠢᠶᠠᠨ ᠪᠠᠶᠢᠭᠤᠯᠵᠦ᠂ ᠡᠯ᠎ᠡ ᠲᠦᠷᠦᠯ | ᠤᠨ ᠣᠯᠠᠨ ᠲᠦᠮᠡᠨᠴᠢ ᠰᠣᠶᠣᠯ ᠲᠠᠮᠢᠷ ᠤᠨ ᠬᠦᠳᠡᠯᠭᠡᠭᠡᠨ ᠦᠷᠨᠢᠭᠦᠯᠬᠦ ᠶᠢ ᠳᠡᠮᠵᠢᠨ᠎ᠡ᠃ ᠲᠡᠣᠬᠡ ᠶᠢᠨ ᠲᠣᠷᠠᠰᠬᠠᠯᠲᠣ | ᠵᠦᠢᠯᠡᠰ ᠤᠨ ᠬᠠᠮᠠᠭᠠᠯᠠᠯᠲᠠ ᠪᠠᠨ ᠴᠢᠩᠭᠠᠳᠬᠠᠵᠦ᠂ ᠲᠡᠣᠬᠡ ᠶᠢᠨ ᠲᠣᠷᠠᠰᠬᠠᠯᠲᠣ ᠵᠦᠢᠯᠡᠰ ᠢ ᠨᠡᠶᠢᠳᠡᠮ ᠪᠠᠶᠢᠴᠠᠭᠠᠬᠤ | ᠠᠵᠢᠯ ᠢ ᠭᠦᠨᠵᠡᠭᠡᠶᠢᠷᠡᠭᠦᠯᠦᠨ᠎ᠠ᠃ ᠬᠦᠯ ᠪᠦᠮᠪᠦᠭᠡᠨ ᠤ ᠦᠢᠯᠡᠰ ᠢ ᠬᠦᠭᠵᠢᠭᠦᠯᠵᠦ᠂ ᠪᠦᠬᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠬᠦᠳᠡᠯᠭᠡᠭᠡᠨ ᠢ ᠦᠷᠭᠡᠨ ᠲᠡᠯᠭᠡᠷ ᠦᠷᠨᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠰᠢᠪᠲᠣᠯᠣᠯᠲᠠ ᠶᠢᠨ ᠢᠨᠵᠧᠨᠧᠷᠢᠩ ᠢ ᠬᠡᠷᠡᠭᠵᠢᠭᠦᠯᠣᠨ᠎ᠡ᠃ ᠵᠢᠯ ᠳᠤ | ᠶᠠᠳᠠᠭᠤ ᠶᠢ ᠲᠡᠳᠭᠦᠬᠦ ᠪᠡᠯᠡ ᠮᠦᠩᠭᠦ 1.1 ᠳ᠋ᠦᠩᠰᠢᠭᠤᠷ ᠲᠦᠭᠦᠷᠢᠭ ᠣᠷᠣᠭᠤᠯᠵᠤ᠂ ︽ᠵᠢᠷᠭᠤᠭᠠᠨ ᠨᠠᠷᠢᠯᠢᠭ | ᠣᠨᠣᠪᠴᠢᠲᠠᠢ︾᠂ ︽ᠲᠠᠪᠣᠨ ᠨᠢᠭᠡ ᠪᠦᠯᠦᠭ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ | ︽ᠨᠢᠭᠡ ᠲᠣᠰᠬᠤᠨ ᠨᠢᠭᠡ ᠲᠦᠯᠦᠪᠯᠡᠭᠡ᠂ ᠨᠢᠭᠡ ᠡᠷᠦᠬᠡ ᠨᠢᠭᠡ ᠠᠷᠭ᠎ᠠ ᠠᠪᠴᠠᠯ︾ ᠢᠶᠠᠷ ᠳᠠᠮᠵᠢᠨ᠂ ᠠᠵᠤ ᠦᠢᠯᠡᠰ | ᠢᠶᠠᠷ ᠲᠡᠳᠭᠦᠬᠦ᠂ ᠰᠣᠷᠭᠠᠨ ᠬᠦᠮᠦᠵᠢᠯ ᠢᠶᠠᠷ ᠳᠡᠮᠵᠢᠬᠦ᠂ ᠡᠮ ᠡᠮᠨᠡᠯᠭᠡ ᠪᠠᠷ ᠲᠣᠰᠠᠯᠠᠬᠤ᠂ ᠨᠡᠶᠢᠭᠡᠮ ᠤᠨ ᠪᠠᠲᠣᠯᠠᠭ᠎ᠠ | ᠣᠯᠭᠤᠬᠤ ᠵᠡᠷᠭᠡ ᠠᠷᠭ᠎ᠠ ᠬᠡᠯᠪᠡᠷᠢ ᠪᠠᠷ᠂ ᠪᠦᠬᠦ ᠬᠤᠲᠠ ᠶᠢᠨ ᠳᠠᠩᠰᠠᠨ ᠳᠤ ᠪᠠᠶᠢᠭ᠎ᠠ 311 ᠡᠷᠦᠬᠡ 895 ᠨᠡᠷ᠎ᠡ | ᠶᠠᠳᠠᠭᠤ ᠬᠦᠴᠢᠷᠳᠡᠯᠲᠡᠢ ᠬᠦᠮᠦᠨ ᠠᠮᠠ ᠶᠢ ᠯᠠᠪᠳᠠᠭᠤᠨ ᠪᠠᠲᠣᠲᠠᠢ ᠶᠠᠳᠠᠭᠤ ᠠᠴᠠ ᠠᠩᠭᠢᠵᠢᠷᠠᠭᠤᠯᠣᠨ᠎ᠠ᠃ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠴᠠᠯᠢᠩ ᠣᠯᠭᠤᠮᠵᠢ ᠶᠢ ᠦᠭᠡᠷᠡᠴᠢᠯᠡᠨ ᠵᠣᠬᠢᠴᠠᠭᠤᠯᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠣᠷᠢᠵᠢᠭᠤᠯᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠠᠵᠢᠯ ᠠᠴᠠ ᠪᠠᠨ | ᠠᠮᠠᠷᠠᠬᠰᠠᠳ ᠤᠨ ᠣᠷᠣᠯᠭ᠎ᠠ ᠶᠢᠨ ᠬᠢᠷᠢ ᠲᠦᠪᠰᠢᠨ ᠢ ᠨᠡᠮᠡᠭᠳᠡᠭᠦᠯᠵᠦ᠂ ᠭᠠᠴᠠᠭ᠎ᠠ᠂ ᠨᠡᠶᠢᠭᠡᠮ ᠲᠣᠭᠤᠷᠢᠭ ᠵᠡᠷᠭᠡ | ᠦᠨᠳᠦᠰᠦᠨ ᠱᠠᠲᠣᠨ ᠤ ᠠᠵᠢᠯᠲᠠᠨ ᠪᠠ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢᠨ ᠳᠠᠬᠢ ᠠᠵᠢᠯᠲᠠᠳ ᠤᠨ | ᠬᠦᠯᠦᠰᠦ ᠣᠯᠭᠤᠮᠵᠢ ᠶᠢ ᠲᠣᠬᠢᠷᠠᠮᠵᠢᠲᠠᠢ ᠲᠡᠭᠡᠭᠰᠢᠯᠡᠭᠦᠯᠦᠨ᠎ᠡ᠃ ︽ᠮᠠᠯ ᠠᠵᠣ ᠠᠬᠤᠢ᠂ ᠮᠠᠯᠵᠢᠬᠤ ᠣᠷᠣᠨ᠂ | ᠮᠠᠯᠴᠢᠨ︾ ᠤ ᠡᠯ᠎ᠡ ᠲᠦᠷᠦᠯ ᠤᠨ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠤᠯᠠᠨ | ᠵᠦᠢᠯ ᠤᠨ ᠠᠷᠭ᠎ᠠ ᠵᠠᠮ ᠢᠶᠠᠷ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠨ᠎ᠡ᠃ ᠠᠵᠣ ᠠᠬᠤᠶᠢᠯᠠᠯ ᠤᠨ ᠣᠷᠣᠯᠭ᠎ᠠ | ᠶᠢᠨ ᠬᠤᠪᠢᠶᠠᠷᠢᠯᠠᠯᠲᠠ ᠶᠢᠨ ᠬᠠᠮᠢᠶᠠᠷᠣᠯᠲᠠ ᠶᠢ ᠴᠢᠩᠭᠠᠳᠬᠠᠵᠦ᠂ ᠠᠵᠣ ᠠᠬᠤᠶᠢᠯᠠᠯ ᠤᠨ ᠠᠵᠢᠯᠲᠠᠨ ᠤ ᠴᠠᠯᠢᠩ ᠢ | ᠬᠠᠮᠲᠣ ᠪᠠᠷ ᠵᠥᠪᠯᠡᠨ ᠲᠣᠭᠲᠠᠭᠠᠬᠤ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠠᠵᠣ ᠠᠬᠤᠶᠢᠯᠠᠯ ᠤᠨ ᠠᠵᠢᠯ ᠠᠴᠠ | ᠪᠠᠨ ᠠᠮᠠᠷᠠᠭᠰᠠᠳ ᠤᠨ ᠰᠠᠭᠤᠷᠢ ᠮᠦᠩᠭᠦ ᠶᠢ ᠦᠷᠭᠦᠯᠵᠢᠯᠡᠨ ᠨᠡᠮᠡᠭᠳᠡᠭᠦᠯᠦᠨ᠎ᠡ᠃ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠣᠯᠠᠨ᠎ᠠ᠃ ᠠᠶᠣᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠦ᠂ ᠬᠦᠨᠳᠣ ᠶᠡᠭᠡ ᠠᠮᠣᠷ ᠲᠦᠪᠰᠢᠨ ᠤ ᠠᠳᠡᠯ | ᠰᠦᠢᠳᠦᠯ ᠡᠭᠦᠰᠬᠦ ᠶᠢ ᠡᠷᠡᠰ ᠬᠢᠵᠠᠭᠠᠷᠯᠠᠨ᠎ᠠ᠃ ᠪᠠᠴᠢᠮ ᠪᠠᠶᠢᠳᠠᠯ ᠢ ᠠᠷᠭᠠᠴᠠᠭᠠᠵᠦ᠂ ᠠᠪᠣᠷᠠᠨ ᠲᠣᠰᠠᠯᠠᠵᠣ | ᠰᠡᠷᠭᠡᠶᠢᠯᠡᠬᠦ ᠪᠠ ᠰᠢᠢᠳᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠣᠷᠢ | ᠪᠠᠨ ᠲᠡᠭᠡᠭᠰᠢᠯᠡᠭᠦᠯᠣᠨ᠎ᠠ᠃ ︽ᠲᠣᠯᠣᠳᠣᠭᠠᠷ ᠲᠠᠪᠣᠨ ᠵᠢᠯ︾ ᠤᠨ ᠬᠠᠣᠯᠢ ᠲᠦᠭᠡᠮᠡᠯᠵᠢᠭᠦᠯᠬᠦ ᠠᠵᠢᠯ ᠢ ᠡᠮᠬᠢ | ᠵᠠᠮᠪᠠᠷᠠᠭ᠎ᠠ ᠲᠠᠢ ᠡᠬᠢᠯᠡᠭᠦᠯᠣᠨᠡ᠃ ᠠᠵᠣ ᠠᠬᠤᠶᠢᠯᠠᠯ ᠬᠠᠪᠰᠣᠷᠣᠨ ᠪᠠᠶᠢᠭᠤᠯᠬᠤ ᠶᠢ ᠢᠳᠡᠪᠬᠢᠲᠡᠢ ᠱᠠᠯᠠᠪᠳᠠᠨ | ᠠᠬᠢᠭᠤᠯᠵᠦ᠂ ᠲᠣᠰ ᠵᠢᠯ ᠳᠤ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠯᠠᠪᠣᠷ ᠪᠦᠬᠦᠨ ᠢᠶᠠᠷ ᠢᠶᠠᠨ ᠪᠠᠷᠢᠮᠵᠢᠶᠠᠨ | ᠳᠤ ᠬᠦᠷᠬᠦ ᠶᠢ ᠪᠠᠲᠣᠯᠠᠨ᠎ᠠ᠃ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠪᠠᠶᠢᠴᠠᠭᠠᠨ ᠰᠢᠢᠳᠪᠦᠷᠢᠯᠡᠬᠦ ᠠᠵᠢᠯ ᠢᠶᠠᠨ | ᠴᠢᠩᠭᠠᠳᠬᠠᠵᠦ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠡᠮᠬᠢ ᠲᠢᠭᠯᠢᠮ ᠢ ᠬᠠᠣᠯᠢ ᠶᠣᠰᠣᠭᠠᠷ ᠬᠠᠮᠠᠭᠠᠯᠠᠨ᠎ᠠ᠃ | ᠠᠮᠣᠷ ᠠᠮᠤᠭᠤᠯᠠᠩ ᠰᠢᠯᠢ ᠶᠢᠨ ᠬᠤᠲᠠ ᠶᠢᠨ ᠪᠠᠶᠢᠭᠤᠯᠣᠯᠲᠠ ᠶᠢ ᠠᠬᠢᠭᠤᠯᠵᠣ᠂ ᠨᠡᠶᠢᠭᠡᠮ ᠤᠨ ᠠᠮᠣᠷ ᠢ ᠬᠠᠮᠠᠭᠠᠯᠠᠵᠦ | ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠎ᠡ᠃ ᠢᠳᠡᠭᠡᠨ ᠣᠮᠳᠠᠭᠠᠨ ᠡᠮ ᠤᠨ ᠵᠦᠢᠯᠡᠰ ᠲᠤ ᠬᠢᠨᠠᠯᠲᠠ ᠲᠠᠯᠪᠢᠨ | ᠬᠠᠮᠢᠶᠠᠷᠬᠤ ᠲᠣᠭᠲᠠᠯᠴᠠᠭ᠎ᠠ ᠪᠠᠨ ᠪᠦᠷᠢᠨᠰᠢᠭᠦᠯᠵᠦ᠂ ᠪᠦᠬᠦ ᠶᠠᠪᠣᠴᠠ ᠳᠤ ᠡᠯᠧᠺᠲ᠋ᠣᠷᠣᠨᠴᠢᠯᠠᠭᠰᠠᠨ ᠬᠢᠨᠠᠯᠲᠠ ᠲᠠᠯᠪᠢᠨ | ᠬᠠᠮᠢᠶᠠᠷᠬᠤ ᠮᠦᠷᠳᠡᠯᠭᠡ ᠶᠢᠨ ᠰᠢᠰᠲ᠋ᠧᠮ ᠤᠨ ᠪᠠᠶᠢᠭᠤᠯᠣᠯᠲᠠ ᠶᠢ ᠠᠬᠢᠭᠤᠯᠵᠦ᠂ ᠲᠣᠮᠣ ᠲᠣᠮᠳᠠ ᠬᠡᠯᠪᠡᠷᠢ ᠶᠢᠨ | ᠢᠳᠡᠭᠡᠨ ᠣᠮᠳᠠᠭᠠᠨ ᠤ ᠦᠢᠯᠡᠴᠢᠯᠡᠭᠡᠨ ᠤ ᠪᠠᠶᠢᠭᠤᠯᠭ᠎ᠠ ᠶᠢ ᠪᠦᠬᠦᠨ ᠢ ︽ᠭᠠᠯ ᠲᠣᠭᠤᠭᠠᠨ ᠭᠡᠷ ᠤᠨ ᠴᠡᠪᠡᠷ | ᠲᠣᠬᠢᠯᠢᠭ︾ ᠪᠠᠶᠢᠬᠤ ᠶᠢ ᠪᠡᠶᠡᠯᠡᠭᠦᠯᠵᠣ᠂ ᠱᠠᠲᠣ ᠲᠡᠰ ᠬᠤᠪᠢᠶᠠᠨ ᠪᠠᠷᠢᠮᠵᠢᠶᠠᠯᠠᠵᠤ ᠬᠠᠮᠢᠶᠠᠷᠬᠤ ᠨᠢᠭᠡᠴᠡ ᠶᠢᠨ | ᠪᠠᠷᠢᠮᠵᠢᠶᠠᠨ ᠳᠤ ᠬᠦᠷᠬᠦ ᠨᠣᠷᠮ᠎ᠠ ᠶᠢ 95% ᠠᠴᠠ ᠳᠡᠭᠡᠭᠰᠢ ᠬᠡᠮᠵᠢᠶᠡᠨ ᠳᠤ ᠬᠦᠷᠭᠡᠨ᠎ᠡ᠃ ᠵᠤᠴᠢᠳ ᠤᠨ ᠪᠠᠭᠤᠳᠠᠯ | ᠂ ᠪᠡᠶ᠎ᠡ ᠤᠭᠢᠶᠠᠯᠠᠯᠭᠠ ᠶᠢᠨ ᠭᠠᠵᠠᠷ ᠵᠡᠷᠭᠡ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠵᠠᠰᠠᠨ | ᠴᠡᠭᠴᠡᠯᠡᠯᠲᠡ ᠶᠢ ᠰᠠᠶᠢᠲᠤᠷ ᠠᠳᠬᠤᠨ᠎ᠠ᠃ ᠬᠦᠳᠡᠯᠮᠦᠷᠢ ᠬᠦᠴᠦᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠣᠯᠲᠠ ᠶᠢ | ᠴᠢᠩᠭᠠᠳᠬᠠᠵᠦ᠂ ᠡᠶ᠎ᠡ ᠵᠣᠬᠢᠴᠠᠯᠲᠣ ᠬᠦᠳᠡᠯᠮᠦᠷᠢ ᠶᠢᠨ ᠬᠠᠷᠢᠴᠠᠭ᠎ᠠ ᠶᠢ ᠴᠣᠭᠴᠠᠯᠠᠨ ᠪᠠᠶᠢᠭᠤᠯᠣᠨ᠎ᠠ᠃ ᠬᠤᠶᠠᠷ ᠢ | ᠬᠦᠷᠢᠶᠡᠯᠡᠵᠦ ᠬᠠᠮᠲᠣᠪᠡᠷ ᠴᠣᠭᠴᠠᠯᠠᠬᠤ᠂ ᠦᠨᠳᠦᠰᠦᠲᠡᠨ ᠱᠠᠰᠢᠨ ᠰᠣᠷᠲᠠᠬᠤᠨ ᠤ ᠠᠵᠢᠯ ᠢ ᠨᠠᠷᠢᠨ ᠬᠢᠨᠠᠮᠠᠭᠠᠢ | ᠰᠠᠶᠢᠲᠣᠷ ᠬᠢᠵᠦ᠂ ᠠᠵᠢᠯᠴᠢᠨ ᠤ ᠡᠪᠯᠡᠯ᠂ ᠵᠠᠯᠠᠭᠤᠴᠣᠳ ᠤᠨ ᠡᠪᠯᠡᠯ᠂ ᠡᠮᠡᠭᠲᠡᠶᠢᠴᠣᠳ ᠤᠨ ᠬᠤᠯᠪᠣᠭ᠎ᠠ ᠵᠡᠷᠭᠡ | ᠣᠯᠠᠨ ᠲᠦᠮᠡᠨᠴᠢ ᠬᠦᠳᠡᠯᠭᠡᠭᠡᠨ ᠢ ᠵᠣᠬᠢᠶᠠᠨ ᠪᠠᠶᠢᠭᠤᠯᠵᠦ ᠦᠷᠨᠢᠭᠦᠯᠬᠦ ᠶᠢ ᠢᠳᠡᠪᠬᠢᠲᠡᠢ ᠪᠠᠷ ᠲᠡᠮᠵᠢᠨ᠎ᠡ᠃ | ︵ᠵᠢᠷᠭᠤᠭ᠎ᠠ︶ ᠥᠭᠡᠷᠡᠴᠢᠯᠡᠯᠲᠡ ᠨᠡᠬᠡᠭᠡᠯᠲᠡ ᠶᠢ ᠭᠦᠨᠵᠡᠭᠡᠶᠢᠷᠡᠭᠦᠯᠵᠦ᠂ ᠬᠦᠭᠵᠢᠯᠲᠡ ᠶᠢᠨ ᠲᠣᠳᠣᠭᠠᠲᠣ | ᠬᠦᠳᠡᠯᠭᠡᠭᠴᠢ ᠬᠦᠴᠦᠨ ᠢ ᠪᠠᠳᠠᠷᠠᠭᠤᠯᠤᠨ᠎ᠠ᠃ ᠬᠦᠭᠵᠢᠯᠲᠡ ᠶᠢ ᠬᠠᠷᠰᠢᠯᠠᠬᠤ ᠪᠠᠶᠢᠭᠤᠯᠣᠯ ᠪᠠ ᠲᠣᠭᠲᠠᠴᠠ ᠶᠢᠨ | ᠬᠠᠷᠰᠢ ᠰᠠᠭᠠᠳ ᠢ ᠲᠡᠪᠴᠢᠵᠦ᠂ ᠨᠡᠭᠡᠭᠡᠯᠳᠡᠳᠦ ᠬᠡᠯᠪᠡᠷᠢ ᠶᠢᠨ ᠠᠵᠣ ᠠᠬᠤᠢ ᠶᠢ ᠶᠡᠬᠡᠪᠡᠷ ᠬᠦᠭᠵᠢᠭᠦᠯᠵᠦ᠂ ᠠᠵᠣ | ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦ ᠶᠢ ᠲᠠᠰᠣᠷᠠᠯᠲᠠ ᠦᠭᠡᠢ ᠪᠠᠳᠠᠷᠠᠭᠤᠯᠣᠨ᠎ᠠ᠃ | ᠭᠤᠣᠯᠳᠠᠯᠭᠠᠲᠣ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠠᠬᠢᠭᠤᠯᠣᠨ᠎ᠠ᠃ ᠵᠠᠰᠠᠭ ᠤᠨ ᠣᠷᠳᠣᠨ ᠤ | ᠴᠢᠳᠠᠪᠬᠢ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠵᠠᠰᠠᠭ ᠢ ᠴᠣᠮᠬᠠᠳᠬᠠᠨ ᠡᠷᠬᠡ ᠶᠢ ᠲᠣᠷᠣᠭᠰᠢ ᠲᠠᠯᠪᠢᠬᠤ | ᠬᠦᠴᠦᠯᠡᠴᠡ ᠪᠠᠨ ᠤᠯᠠᠮ ᠴᠢᠩᠭᠠᠳᠬᠠᠵᠦ᠂ ᠵᠠᠰᠠᠭ ᠤᠨ ᠣᠷᠳᠣᠨ ᠤ ᠡᠷᠬᠡ ᠶᠢᠨ ᠨᠠᠷᠢᠨ ᠳᠠᠩᠰᠠᠯᠠᠯ ᠤᠨ ᠰᠢᠰᠲ᠋ᠧᠮ | ᠢ ᠪᠦᠷᠢᠨᠰᠢᠭᠦᠯᠦᠨ ᠪᠠᠶᠢᠭᠤᠯᠣᠨ᠎ᠠ᠃ ᠠᠯᠪᠠᠨ ᠲᠡᠷᠭᠡᠨ ᠤ ᠥᠭᠡᠷᠡᠴᠢᠯᠡᠯᠲᠡ ᠶᠢᠨ ᠡᠭᠦᠷᠭᠡ ᠶᠢ ᠴᠠᠭ ᠲᠣᠬᠠᠢ ᠳᠤ ᠨᠢ | ᠪᠡᠶᠡᠯᠡᠭᠦᠯᠦᠨ᠎ᠡ᠃ ᠬᠠᠷᠭᠠᠯᠵᠠᠯᠠᠯ ᠤᠨ ᠲᠦᠷᠦ ᠶᠢᠨ ᠪᠤᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠲᠤᠮᠳᠠ | ᠪᠠᠭ᠎ᠠ ᠵᠢᠵᠢᠭ ᠠᠵᠣ ᠠᠬᠤᠶᠢᠯᠠᠯ ᠤᠨ ᠦᠳᠲᠡᠷ ᠲᠦᠷᠭᠡᠨ ᠬᠦᠭᠵᠢᠬᠦ ᠶᠢ ᠲᠡᠮᠵᠢᠨ᠎ᠡ᠃ ᠵᠠᠬ᠎ᠠ ᠲᠡᠯᠭᠡᠭᠦᠷ ᠤᠨ ᠭᠤᠤᠯ | ᠴᠣᠭᠴᠠ ᠶᠢ ᠪᠣᠵᠠᠭᠠᠶᠢᠷᠠᠭᠤᠯᠵᠦ᠂ ᠵᠤᠩᠭᠢᠯᠠᠬᠤ ᠲᠤᠭᠠᠨ ᠤ ᠲᠦᠪ ᠤᠨ ᠠᠵᠣ ᠠᠬᠤᠶᠢᠯᠠᠯ ᠤᠨ ᠬᠤᠪᠢᠶᠠᠷᠢ | ᠪᠠᠶᠢᠭᠤᠯᠣᠮᠵᠢ ᠶᠢᠨ ᠬᠠᠣᠯᠢ ᠶᠢᠨ ᠬᠠᠷᠢᠭᠤᠴᠠᠯᠭᠠᠲᠠᠨ ᠢᠶᠠᠨ ᠤᠯᠠᠷᠢᠯᠠᠭᠤᠯᠬᠤ ᠠᠵᠢᠯ ᠢ ᠴᠢᠷᠮᠠᠶᠢᠨ ᠪᠡᠶᠡᠯᠡᠭᠦᠯᠦᠨ᠎ᠡ᠃ | ᠡᠳ᠋ ᠶᠢᠨ ᠶᠠᠪᠣᠳᠠᠯ ᠭᠠᠶᠢᠯᠢ ᠶᠢᠨ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠬᠤᠲᠠ ᠶᠢᠨ | ᠲᠥᠰᠦᠪ ᠤᠨ ᠪᠠᠶᠢᠭᠤᠯᠭ᠎ᠠ ᠡᠳ᠋ ᠤᠨ ᠶᠠᠪᠣᠳᠠᠯ ᠢ ᠨᠢᠭᠡᠲᠦᠯᠲᠡᠢ ᠨᠢᠬᠲᠠᠯᠠᠨ ᠪᠣᠳᠣᠵᠣ᠂ ᠲᠥᠰᠦᠪ ᠤᠨ ᠦᠷ᠎ᠡ | ᠪᠦᠲᠦᠮᠵᠢᠲᠦ ᠬᠠᠮᠢᠶᠠᠷᠣᠯᠲᠠ ᠪᠠ ᠡᠳ᠋ ᠤᠨ ᠵᠠᠰᠠᠭ ᠤᠨ ᠪᠡᠯᠡ ᠣᠷᠣᠭᠤᠯᠣᠯᠲᠠ ᠶᠢᠨ ᠬᠢᠨᠠᠨ ᠦᠨᠡᠯᠡᠯᠲᠡ ᠶᠢᠨ | ᠬᠠᠮᠢᠶᠠᠷᠣᠯᠲᠠ ᠶᠢ ᠠᠬᠢᠭᠤᠯᠣᠨ᠂ ᠵᠠᠰᠠᠭ ᠤᠨ ᠣᠷᠳᠣᠨ ᠤ ᠦᠷᠢ ᠦᠭᠴᠡᠭᠡᠨ ᠤ ᠬᠠᠮᠢᠶᠠᠷᠣᠯᠲᠠ ᠶᠢ ᠴᠢᠩᠭᠠᠳᠬᠠᠵᠦ᠂ | ᠵᠠᠰᠠᠭ ᠤᠨ ᠣᠷᠳᠣᠨ ᠠᠴᠠ ᠨᠡᠶᠢᠭᠡᠮ ᠤᠨ ᠦᠢᠯᠡᠴᠢᠯᠡᠭᠡ ᠬᠤᠳᠠᠯᠳᠣᠨ ᠠᠪᠬᠤ ᠬᠦᠷᠢᠶ᠎ᠡ ᠬᠡᠪᠴᠢᠶ᠎ᠡ ᠶᠢ | ᠦᠷᠭᠡᠳᠬᠡᠨ᠎ᠡ᠃ ᠣᠯᠣᠰ ᠤᠨ ᠦᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠦᠭᠡᠷᠡᠴᠢᠯᠡᠯᠲᠡ ᠶᠢ | ᠲᠦᠷᠭᠡᠳᠬᠡᠵᠦ᠂ ᠦᠷᠢᠰᠦᠯᠳᠦᠬᠦ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠲᠠᠷᠢᠶᠠᠯᠠᠩ ᠮᠠᠯ ᠠᠵᠣ ᠠᠬᠤᠢ ᠶᠢᠨ | ᠪᠦᠯᠦᠭᠯᠡᠯ ᠢ ᠪᠠᠶᠢᠭᠤᠯᠣᠨ᠎ᠠ᠃ ᠲᠡᠭᠡᠳᠦ ᠱᠠᠲᠣᠨ ᠤ ᠦᠭᠡᠷᠡᠴᠢᠯᠡᠯᠲᠡ ᠲᠠᠢ ᠠᠪᠴᠠᠯᠳᠣᠭᠤᠯᠵᠦ᠂ ᠦᠨ᠎ᠡ ᠬᠠᠩᠰᠢ | ᠶᠢᠨ ᠵᠠᠬ᠎ᠠ ᠲᠡᠯᠭᠡᠭᠦᠷᠴᠢᠯᠡᠯᠲᠡ᠂ ᠮᠠᠯᠵᠢᠬᠤ ᠣᠷᠣᠨ ᠤ ᠲᠠᠷᠢᠶᠠᠯᠠᠬᠤ ᠲᠣᠭᠤᠷᠢᠭ᠂ ᠬᠤᠲᠠ ᠶᠢᠨ ᠬᠠᠮᠢᠶᠠᠷᠣᠯᠲᠠ ᠶᠢᠨ | ᠲᠣᠭᠲᠠᠴᠠ ᠪᠠ ᠰᠣᠷᠭᠠᠨ ᠬᠦᠮᠦᠵᠢᠯ᠂ ᠡᠮ ᠡᠮᠨᠡᠯᠭᠡ᠂ ᠨᠠᠰᠣᠵᠢᠯ ᠤᠨ ᠲᠠᠭᠠᠳᠬᠠᠯ ᠤᠨ ᠬᠦᠷᠢᠶ᠎ᠡ ᠬᠡᠪᠴᠢᠶᠡᠨ ᠤ | ᠦᠭᠡᠷᠡᠴᠢᠯᠡᠯᠲᠡ ᠶᠢᠨ ᠬᠦᠴᠦᠯᠡᠴᠡ ᠪᠠᠨ ᠣᠯᠠᠮ ᠨᠢᠭᠡ ᠠᠯᠬᠤᠮ ᠴᠢᠩᠭᠠᠳᠬᠠᠵᠦ᠂ ᠥᠭᠡᠷᠡᠴᠢᠯᠡᠯᠲᠡ ᠶᠢᠨ ᠦᠷ᠎ᠡ | ᠠᠰᠢᠭ ᠢ ᠦᠷᠭᠦᠯᠵᠢᠯᠡᠨ ᠪᠠᠳᠠᠷᠠᠭᠤᠯᠣᠨ᠎ᠠ᠃ | ᠭᠠᠳᠠᠭᠠᠳᠣ ᠲᠠᠢ ᠴᠢᠯᠦᠭᠡᠲᠡᠢ ᠶᠠᠪᠣᠯᠴᠠᠬᠤ ᠠᠵᠢᠯ ᠢᠶᠠᠨ ᠦᠷᠭᠡᠳᠬᠡᠨ᠎ᠡ᠃ ᠭᠠᠳᠠᠭᠠᠳᠣ ᠲᠠᠢ ᠶᠠᠪᠣᠯᠴᠠᠬᠤ | ᠠᠵᠢᠯ ᠢ ᠴᠢᠬᠤᠯᠠᠴᠢᠯᠠᠵᠦ᠂ ︽ᠬᠤᠶᠠᠷ ᠵᠦᠢᠯ ᠤᠨ ᠡᠬᠢ ᠰᠤᠷᠪᠤᠯᠵᠢ︾᠂ ︽ᠬᠤᠶᠠᠷ ᠵᠠᠬ᠎ᠠ ᠲᠡᠯᠭᠡᠭᠦᠷ︾ ᠢ ᠣᠯᠠᠮ | ᠰᠠᠶᠢᠨ ᠠᠰᠢᠭᠯᠠᠵᠦ᠂ ᠭᠠᠳᠠᠭᠠᠳᠣ ᠳᠤ ᠬᠠᠨᠲᠣᠭᠤᠯᠣᠭᠰᠠᠨ ᠬᠡᠯᠪᠡᠷᠢ ᠶᠢᠨ ᠠᠵᠣ ᠠᠬᠤᠢ ᠶᠢᠨ ᠬᠦᠭᠵᠢᠯᠲᠡ ᠶᠢ | ᠲᠦᠷᠭᠡᠳᠬᠡᠨ᠎ᠡ᠃ ᠲᠣᠮᠳᠠᠳᠦ ᠮᠣᠩᠭᠤᠯ ᠤᠨ ᠲᠠᠯ᠎ᠠ ᠨᠣᠲᠤᠭ ᠤᠨ ᠰᠢᠨ᠎ᠡ ᠲᠣᠷᠭᠠᠨ ᠵᠠᠮ ᠤᠨ ᠠᠵᠣ ᠠᠬᠤᠢ ᠶᠢᠨ | ᠪᠦᠰᠡ᠂ ᠲᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠭᠢᠯ ᠤᠨ ᠪᠠᠶᠢᠭᠤᠯᠣᠯᠲᠠ ᠳᠤ ᠢᠳᠡᠪᠬᠢᠲᠡᠢ | ᠣᠷᠣᠯᠴᠠᠵᠦ᠂ ᠮᠣᠩᠭᠤᠯ ᠣᠯᠣᠰ ᠲᠠᠢ ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠲᠠ᠂ ᠡᠨᠧᠷᠬᠢ ᠡᠬᠢ ᠰᠣᠷᠪᠣᠯᠵᠢ | ᠶᠢᠨ ᠨᠡᠬᠡᠭᠡᠯᠲᠡ᠂ ᠨᠡᠶᠢᠭᠡᠮ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠣᠮᠠᠷᠠᠰᠢ ᠨᠡᠭᠡᠭᠡᠯᠲᠡ ᠬᠢᠬᠦ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ | ᠰᠢᠯᠢ ᠶᠢᠨ ᠬᠤᠲᠠ ᠶᠢᠨ ᠨᠢᠰᠭᠡᠯ ᠤᠨ ᠲᠠᠯᠠᠪᠠᠢ ᠶᠢ ᠠᠭᠠᠷ ᠠᠶᠠᠯᠠᠯ ᠤᠨ ᠪᠣᠭᠤᠮᠲᠠ ᠪᠣᠯᠭᠠᠨ ᠪᠠᠶᠢᠭᠤᠯᠬᠤ ᠶᠢ | ᠢᠳᠡᠪᠬᠢᠲᠡᠢ ᠠᠬᠢᠭᠤᠯᠵᠦ᠂ ᠣᠯᠠᠨ ᠣᠯᠣᠰ ᠤᠨ ᠠᠭᠠᠷ ᠠᠶᠠᠯᠠᠯ ᠤᠨ ᠱᠣᠭᠤᠮ ᠢ ᠡᠷᠲᠡ ᠨᠢᠭᠡᠨ ᠡᠳᠦᠷ | ᠨᠡᠪᠲᠡᠷᠡᠭᠦᠯᠦᠨ᠎ᠡ᠃ ᠴᠠᠬᠢᠯᠭᠠᠨ ᠤ ᠦᠨ᠎ᠡ᠂ ᠭᠠᠵᠠᠷ ᠰᠢᠷᠣᠢ ᠵᠡᠷᠭᠡ ᠲᠠᠯ᠎ᠠ ᠶᠢᠨ ᠲᠠᠪᠠᠭᠤᠯᠢᠭ ᠢᠶᠠᠨ ᠭᠦᠢᠴᠡᠳ | ᠪᠠᠳᠠᠷᠠᠭᠤᠯᠵᠦ᠂ ᠪᠡᠭᠡᠵᠢᠩ ᠲᠢᠶᠠᠨᠵᠢᠨ ᠡᠾᠧᠪᠸᠢ᠂ ᠪᠦᠸᠧᠬᠠᠢ ᠲᠠᠩᠬᠢᠰ ᠤᠨ ᠲᠣᠭᠤᠷᠢᠭ ᠤᠨ ᠭᠠᠵᠠᠷ ᠣᠷᠣᠨ ᠤ | ᠬᠦᠭᠵᠢᠯᠲᠡ ᠲᠠᠢ ᠢᠳᠡᠪᠬᠢᠲᠡᠢ ᠠᠭᠤᠰᠣᠯᠴᠠᠵᠦ᠂ ᠬᠦᠭᠵᠢᠭᠰᠡᠨ ᠭᠠᠵᠠᠷ ᠣᠷᠣᠨ ᠤ ᠠᠵᠣ ᠦᠢᠯᠡᠰ ᠤᠨ ᠰᠢᠯᠵᠢᠯᠲᠡ | ᠶᠢ ᠰᠠᠨᠠᠭᠠᠴᠢᠯᠠᠭ᠎ᠠ ᠲᠠᠢ ᠪᠠᠷ ᠬᠦᠯᠢᠶᠡᠨ ᠠᠪᠴᠦ᠂ ᠭᠠᠳᠠᠭᠠᠳᠣ ᠬᠠᠷᠢᠯᠴᠠᠭᠠᠨ ᠤ ᠶᠡᠷᠦᠩᠬᠡᠢ ᠦᠷᠲᠡᠭ 200 ᠲᠦᠮᠡᠨ | ᠳ᠋ᠣᠯᠯᠠᠷ ᠢ ᠴᠢᠷᠮᠠᠶᠢᠨ ᠲᠠᠪᠠᠭᠤᠯᠣᠨ᠎ᠠ᠃ | ︵ᠲᠣᠯᠤᠭ᠎ᠠ︶ ᠲᠣᠰ ᠪᠡᠶ᠎ᠡ ᠶᠢᠨ ᠪᠠᠶᠢᠭᠤᠯᠣᠯᠲᠠ ᠪᠠᠨ ᠴᠢᠩᠭᠠᠳᠬᠠᠵᠦ᠂ ᠦᠢᠯᠡᠴᠢᠯᠡᠭᠡᠨ ᠤ ᠬᠢᠷᠢ ᠲᠦᠪᠰᠢᠨ | ᠢᠶᠠᠨ ᠦᠨᠡᠨᠬᠦ ᠲᠡᠭᠡᠭᠰᠢᠯᠡᠭᠦᠯᠦᠨ᠎ᠡ᠃ ᠬᠠᠣᠯᠢᠵᠢᠭᠰᠠᠨ ᠵᠠᠰᠠᠭ ᠤᠨ ᠣᠷᠳᠣᠨ᠂ ᠠᠷᠢᠭᠤᠨ ᠴᠢᠭᠡᠴᠢ ᠵᠠᠰᠠᠭ ᠤᠨ | ᠣᠷᠳᠣᠨ ᠤ ᠪᠠᠶᠢᠭᠤᠯᠣᠯᠲᠠ ᠶᠢ ᠲᠦᠷᠭᠡᠳᠬᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠤᠯᠤᠨ | ᠵᠠᠰᠠᠯᠲᠠ ᠶᠢᠨ ᠴᠢᠳᠠᠪᠣᠷᠢ ᠶᠢ ᠤᠳᠤᠬᠢᠴᠢᠯᠠᠨᠠ᠃ | ᠬᠠᠣᠯᠢᠵᠢᠯ ᠤᠨ ᠪᠠᠶᠢᠭᠤᠯᠣᠯᠲᠠ ᠶᠢ ᠴᠢᠩᠭᠠᠳᠬᠠᠨ᠎ᠠ᠃ ᠨᠠᠮ ᠤᠨ ᠣᠳᠣᠷᠢᠳᠣᠯᠭ᠎ᠠ ᠶᠢ ᠪᠠᠷᠢᠮᠲᠠᠯᠠᠵᠦ᠂ ᠠᠷᠠᠳ | ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠣᠯᠢ ᠶᠣᠰᠣᠭᠠᠷ ᠬᠤᠲᠠ ᠪᠠᠨ ᠵᠠᠰᠠᠬᠤ ᠠᠵᠢᠯ ᠲᠠᠢ ᠣᠷᠭᠠᠨᠢᠭ ᠢᠶᠠᠷ | ᠣᠶᠠᠯᠳᠣᠭᠤᠯᠵᠤ᠂ ᠠᠷᠠᠳ ᠲᠦᠮᠡᠨ ᠤ ᠡᠷᠬᠡ ᠠᠰᠢᠭ᠂ ᠨᠡᠶᠢᠭᠡᠮ ᠤᠨ ᠲᠦᠪ ᠭᠤᠣᠯᠴᠢ ᠡᠷᠬᠡ ᠲᠡᠭᠰᠢ ᠪᠠᠶᠢᠬᠤ ᠶᠢ | ᠬᠠᠣᠯᠢ ᠶᠣᠰᠣᠭᠠᠷ ᠬᠠᠮᠠᠭᠠᠯᠠᠨ᠎ᠠ᠃ ᠨᠠᠮ ᠤᠨ ᠣᠯᠣᠰ ᠲᠦᠷᠦ ᠶᠢᠨ ᠰᠠᠬᠢᠯᠭ᠎ᠠ ᠪᠠᠲᠣ ᠪᠠ ᠲᠦᠷᠢᠮ ᠲᠣᠭᠲᠠᠭᠠᠯ ᠢ | ᠴᠢᠩᠭ᠎ᠠ ᠰᠠᠬᠢᠬᠤ ᠦᠵᠡᠯᠲᠡ ᠪᠠᠷ ᠪᠡᠶ᠎ᠡ ᠢᠶᠠᠨ ᠴᠢᠩᠭ᠎ᠠ ᠱᠠᠭᠠᠷᠳᠠᠨ᠂ ᠲᠡᠭᠡᠳᠦ ᠱᠠᠲᠣᠨ ᠤ ᠡᠯ᠎ᠡ ᠰᠢᠢᠳᠪᠦᠷᠢᠲᠣ | ᠪᠣᠳᠣᠯᠭ᠎ᠠ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠲᠣᠣᠱᠠᠯᠠᠭᠤᠯᠣᠨ ᠨᠠᠶᠢᠳᠠᠪᠣᠷᠢᠵᠢᠭᠤᠯᠣᠨ᠎ᠠ᠃ ᠬᠠᠣᠯᠢ ᠶᠣᠰᠣᠭᠠᠷ | ᠵᠠᠰᠠᠭ ᠪᠠᠷᠢᠬᠤ ᠶᠢ ᠪᠠᠷᠢᠮᠲᠠᠯᠠᠵᠦ᠂ ᠬᠠᠣᠯᠢ ᠳᠤ ᠲᠣᠭᠲᠠᠭᠠᠭᠰᠠᠨ ᠡᠷᠬᠡ ᠪᠠᠨ ᠬᠡᠷᠡᠭᠵᠢᠭᠦᠯᠵᠦ᠂ ᠬᠠᠣᠯᠢ ᠳᠤ | ᠲᠣᠭᠲᠠᠭᠠᠭᠰᠠᠨ ᠠᠯᠬᠤᠮ ᠲᠠᠷᠠᠭᠠᠯᠠᠯ ᠢᠶᠠᠷ ᠡᠷᠬᠡ ᠶᠢᠨ ᠨᠠᠷᠢᠨ ᠳᠠᠩᠰᠠ ᠪᠠ ᠬᠠᠷᠢᠭᠤᠴᠠᠯᠭ᠎ᠠ ᠶᠢᠨ ᠨᠠᠷᠢᠨ ᠳᠠᠩᠰᠨ | ᠡᠭᠦᠷᠭᠡ ᠲᠣᠰᠢᠶᠠᠯ ᠢ ᠭᠦᠢᠴᠡᠳᠬᠡᠵᠦ᠂ ᠵᠠᠰᠠᠭ ᠤᠨ ᠣᠷᠳᠣᠨ ᠤ ᠪᠦᠬᠦ ᠠᠵᠢᠯ ᠢ ᠬᠠᠣᠯᠢᠵᠢᠯ ᠤᠨ ᠵᠠᠮ ᠳᠤ | ᠣᠷᠣᠭᠤᠯᠣᠨ᠎ᠠ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠦ᠂ | ᠡᠯᠧᠺᠲᠷᠤᠨᠴᠢᠯᠠᠭᠰᠠᠨ ᠵᠠᠰᠠᠭ ᠤᠨ ᠶᠠᠪᠤᠳᠠᠯ ᠪᠠ ᠰᠦᠯᠵᠢᠶ᠎ᠡ ᠪᠠᠷ ᠣᠴᠢᠷ ᠶᠠᠪᠣᠳᠠᠯ ᠰᠢᠢᠳᠪᠦᠷᠢᠯᠡᠬᠦ ᠶᠢ | ᠲᠦᠭᠡᠮᠡᠯᠵᠢᠭᠦᠯᠦᠨ᠎ᠡ᠃ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠥᠪᠯᠡᠭᠴᠢ ᠠᠴᠠ ᠠᠰᠠᠭᠤᠨ ᠯᠠᠪᠯᠠᠬᠤ | ᠲᠦᠷᠢᠮ ᠢ ᠲᠡᠭᠦᠯᠳᠡᠷᠵᠢᠭᠦᠯᠣᠨᠡ᠃ ᠬᠠᠣᠯᠢᠵᠢᠯ ᠤᠨ ᠤᠬᠠᠭᠤᠯᠭ᠎ᠠ ᠶᠢᠨ ᠰᠣᠷᠭᠠᠨ ᠬᠦᠮᠦᠵᠢᠯ ᠢ ᠴᠢᠩᠭᠠᠳᠬᠠᠵᠦ᠂ | ᠪᠦᠬᠦ ᠠᠷᠠᠳ ᠤᠨ ᠬᠠᠣᠯᠢᠵᠢᠯ ᠤᠨ ᠦᠵᠡᠯ ᠣᠬᠠᠮᠰᠠᠷ ᠢ ᠲᠡᠭᠡᠭᠰᠢᠯᠡᠭᠦᠯᠦᠨ᠎ᠡ᠃ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠠᠣᠯᠢ ᠪᠠᠷ ᠬᠢᠨᠠᠯᠲᠠ ᠲᠠᠯᠪᠢᠬᠤ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ | ᠬᠢᠨᠠᠯᠲᠠ ᠪᠠ ᠨᠡᠶᠢᠭᠡᠮ ᠨᠡᠶᠢᠲᠡ ᠶᠢᠨ ᠬᠢᠨᠠᠯᠲᠠ ᠶᠢ ᠣᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ | ᠪᠦᠯᠦᠭ᠂ ᠠᠷᠠᠯᠵᠢᠶ᠎ᠠ ᠬᠤᠳᠠᠯᠳᠣᠭᠠᠨ ᠤ ᠬᠤᠯᠪᠣᠭᠠᠲᠣ ᠬᠤᠷᠠᠯ᠂ ᠨᠠᠮ ᠪᠦᠯᠦᠭ ᠤᠨ ᠪᠣᠰᠣ ᠪᠦᠯᠬᠦᠮ ᠤᠨ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠣᠨ᠎ᠠ᠃ | ᠣᠪᠣᠷ ᠰᠣᠷᠲᠠᠯ ᠤᠨ ᠪᠠᠶᠢᠭᠤᠯᠣᠯᠲᠠ ᠶᠢ ᠴᠢᠩᠭᠠᠳᠬᠠᠨ᠎ᠠ᠃ ︽ᠭᠤᠷᠪᠠᠨ ᠴᠢᠩᠭ᠎ᠠ ᠭᠤᠷᠪᠠᠨ ᠪᠤᠲᠠᠲᠠᠢ︾ | ᠲᠤᠰᠬᠠᠢ ᠰᠡᠳᠦᠪᠲᠦ ᠬᠦᠮᠦᠵᠢᠯ ᠤᠨ ᠦᠷ᠎ᠡ ᠪᠦᠲᠦᠭᠡᠯ ᠢ ᠪᠠᠲᠤᠳᠬᠠᠵᠦ᠂ ︽ᠺᠠᠳ᠋ᠷ ᠦᠨᠳᠦᠰᠦᠨ ᠱᠠᠲᠤᠨ ᠳᠤ | ᠪᠠᠭᠤᠬᠤ︾ ᠠᠵᠢᠯᠯᠠᠭᠠᠨ ᠤ ᠪᠤᠳᠠᠲᠤ ᠦᠷ᠎ᠡ ᠪᠦᠲᠦᠮᠵᠢ ᠶᠢ ᠪᠠᠲᠣᠵᠢᠭᠤᠯᠣᠨᠠ᠃ ︽ᠲᠤᠰᠢᠶᠠᠯ ᠢᠶᠠᠨ | ᠭᠦᠢᠴᠡᠳᠬᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ︾ ᠵᠤᠷᠢᠭ ᠰᠠᠨᠠᠭ᠎ᠠ ᠶᠢ ᠶᠡᠬᠡᠪᠡᠷ ᠤᠷᠢᠶᠠᠯᠠᠵᠦ᠂ ᠡᠷᠴᠢ | ᠵᠣᠷᠢᠭ ᠢᠶᠠᠨ ᠳᠠᠶᠢᠴᠢᠯᠠᠵᠤ ᠪᠤᠲᠠᠲᠠᠢ ᠠᠵᠢᠯᠯᠠᠨ᠂ ᠵᠤᠷᠢᠭ ᠬᠦᠴᠦᠨ ᠢᠶᠠᠨ ᠠᠵᠢᠯ ᠬᠢᠵᠦ ᠦᠢᠯᠡᠰ ᠪᠣᠰᠬᠠᠬᠤ ᠲᠡᠭᠡᠷ᠎ᠡ | ᠲᠥᠪᠯᠡᠷᠡᠭᠦᠯᠦᠨ᠎ᠡ᠃ ᠪᠡᠶᠡᠯᠡᠭᠦᠯᠦᠭᠰᠡᠨ ᠪᠠᠶᠢᠳᠠᠯ ᠢ ᠮᠦᠷᠳᠡᠨ ᠣᠶᠢᠯᠠᠭᠠᠵᠦ᠂ ᠴᠢᠩᠭ᠎ᠠ ᠱᠠᠯᠠᠪᠳᠠᠨ ᠪᠠᠶᠢᠴᠠᠭᠠᠨ | ᠰᠢᠯᠭᠠᠵᠦ᠂ ᠠᠵᠢᠯ ᠤᠨ ᠰᠠᠬᠢᠯᠭ᠎ᠠ ᠪᠠᠲᠣ ᠶᠢ ᠴᠢᠩᠭᠠᠳᠬᠠᠨ᠂ ︽ᠵᠦᠪᠬᠡᠨ ᠨᠣᠶᠠᠨ ᠵᠡᠷᠭᠡ ᠶᠢᠨ ᠲᠦᠯᠦᠭᠡ᠂ | ᠦᠢᠯᠡᠴᠢᠯᠡᠬᠦ ᠶᠢᠨ ᠲᠦᠯᠦᠭᠡ ᠪᠣᠰᠣ︾ ᠪᠣᠯᠣᠨ ᠠᠯᠵᠠᠭᠤ ᠬᠤᠶᠢᠷᠭᠤ ᠬᠠᠰᠢ ᠶᠠᠰᠢ ᠵᠠᠰᠠᠭ ᠪᠠᠷᠢᠬᠤ ᠶᠢ ᠡᠷᠡᠰ | ᠴᠡᠭᠴᠡᠯᠡᠵᠦ᠂ ᠵᠠᠰᠠᠭ ᠤᠨ ᠣᠷᠳᠣᠨ ᠤ ᠢᠲᠡᠭᠡᠯ ᠬᠦᠴᠦᠨ ᠪᠠ ᠲᠣᠣᠱᠠᠯᠠᠭᠤᠯᠬᠤ ᠬᠦᠴᠦ ᠶᠢ ᠲᠠᠰᠣᠷᠠᠯᠲᠠ ᠦᠭᠡᠢ | ᠨᠡᠮᠡᠭᠳᠡᠭᠦᠯᠦᠨ᠎ᠡ᠃ | ᠴᠢᠭᠡᠴᠢ ᠵᠠᠰᠠᠭ ᠤᠨ ᠪᠠᠶᠢᠭᠤᠯᠣᠯᠲᠠ ᠶᠢ ᠴᠢᠩᠭᠠᠳᠬᠠᠨ᠎ᠠ᠃ ᠲᠦᠪ ᠤᠨ ︽ᠨᠠᠢᠮᠠᠨ ᠵᠣᠷᠪᠣᠰ ᠲᠣᠭᠲᠠᠭᠠᠯ︾ | ᠪᠠ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠠᠯᠪᠠᠨ ᠤ | ᠭᠤᠷᠪᠠᠨ ᠵᠠᠷᠣᠳᠠᠯ︾ ᠪᠣᠯᠣᠨ ᠡᠩ ᠤᠨ ᠵᠠᠷᠣᠴᠠᠭᠤᠯᠭ᠎ᠠ ᠶᠢ ᠴᠢᠩᠭ᠎ᠠ ᠡᠵᠡᠮᠳᠡᠵᠦ᠂ ᠡᠳ᠋ ᠤᠨ ᠬᠦᠴᠦᠨ ᠢ | ᠲᠥᠪᠯᠡᠷᠡᠭᠦᠯᠦᠨ᠂ ᠠᠷᠠᠳ ᠤᠨ ᠠᠮᠢᠳᠣᠷᠠᠯ ᠳᠠᠬᠢ ᠪᠣᠳᠠᠲᠣ ᠣᠴᠢᠷ ᠢ ᠰᠢᠢᠳᠪᠦᠷᠢᠯᠡᠵᠣ ᠦᠭᠭᠦᠨ᠎ᠡ᠃ ︽ᠨᠢᠭᠡ | ᠲᠤᠰᠢᠶᠠᠯ ᠬᠤᠶᠠᠷ ᠬᠠᠷᠢᠭᠤᠴᠠᠯᠭ᠎ᠠ︾ ᠶᠢ ᠭᠦᠨᠵᠡᠭᠡᠶᠢᠷᠡᠭᠦᠯᠦᠨ ᠨᠠᠶᠢᠳᠠᠪᠣᠷᠢᠵᠢᠭᠤᠯᠵᠦ᠂ ᠵᠠᠯᠬᠠᠭᠠᠨ ᠴᠡᠭᠴᠡᠯᠡᠬᠦ ᠪᠠ | ᠢᠯᠵᠠᠷᠠᠯ ᠢ ᠤᠷᠢᠳᠴᠢᠯᠠᠨ ᠰᠡᠷᠭᠡᠶᠢᠯᠡᠬᠦ ᠰᠢᠰᠲ᠋ᠧᠮ ᠤᠨ ᠪᠠᠶᠢᠭᠤᠯᠣᠯᠲᠠ ᠶᠢ ᠪᠦᠬᠦ ᠲᠠᠯ᠎ᠠ ᠪᠠᠷ ᠠᠬᠢᠭᠤᠯᠵᠦ᠂ ᠠᠯᠪᠠᠨ | ᠲᠣᠰᠢᠶᠠᠯᠲᠠᠨ ᠳᠤ ᠬᠢᠨᠠᠯᠲᠠ ᠲᠠᠯᠪᠢᠵᠤ ᠰᠣᠷᠭᠠᠨ ᠬᠦᠮᠦᠵᠢᠭᠦᠯᠬᠦ ᠶᠢ ᠴᠢᠩᠭᠠᠳᠬᠠᠨ᠂ ︽ᠬᠤᠷᠢᠭ᠎ᠠ ᠱᠣᠭᠤᠮ︾ ᠢ | ᠴᠢᠩᠭ᠎ᠠ ᠰᠠᠬᠢᠵᠦ᠂ ︽ᠰᠡᠷᠭᠡᠶᠢᠯᠡᠯᠲᠡ ᠶᠢᠨ ᠱᠣᠭᠤᠮ︾ ᠢ ᠪᠠᠲᠤᠵᠢᠭᠤᠯᠤᠨ᠂ ︽ᠰᠡᠷᠡᠮᠵᠢ ᠶᠢᠨ ᠱᠣᠭᠤᠮ︾ ᠢ | ᠡᠪᠳᠡᠬᠦ ᠦᠭᠡᠢ ᠪᠠᠶᠢᠬᠤ ᠶᠢ ᠪᠠᠲᠤᠯᠠᠨ᠎ᠠ᠃ ᠵᠠᠰᠠᠭ ᠵᠠᠬᠢᠷᠠᠭᠠᠨ ᠤ ᠪᠠᠶᠢᠴᠠᠭᠠᠬᠤ ᠪᠠ ᠬᠢᠨᠠᠨ ᠪᠣᠳᠣᠵᠤ ᠬᠢᠨᠠᠯᠲᠠ | ᠲᠠᠯᠪᠢᠬᠤ ᠶᠢ ᠴᠢᠩᠭᠠᠳᠬᠠᠵᠦ᠂ ᠡᠷᠬᠡ ᠶᠢᠨ ᠢᠯᠡ ᠲᠣᠳᠣ ᠬᠡᠷᠡᠭᠵᠢᠭᠦᠯᠦᠭᠳᠡᠬᠦ ᠶᠢ ᠪᠠᠲᠣᠯᠠᠨ᠎ᠠ᠃ | ᠲᠥᠯᠦᠭᠡᠯᠡᠭᠴᠢᠳ ᠡ᠂ ᠪᠢᠳᠡ ᠬᠤᠲᠠ ᠶᠢᠨ ᠨᠠᠮ ᠤᠨ ᠬᠤᠷᠢᠶᠠᠨ ᠤ ᠪᠠᠲᠣ ᠴᠢᠩᠭ᠎ᠠ ᠣᠳᠣᠷᠢᠳᠣᠯᠭ᠎ᠠ ᠲᠣᠣᠷ᠎ᠠ | ᠂ ᠬᠦᠴᠦᠨ ᠴᠢᠳᠠᠯ ᠢᠶᠠᠨ ᠨᠢᠠᠲᠠᠷᠠᠭᠤᠯᠵᠤ᠂ ᠰᠢᠷᠭᠠᠭᠤ ᠠᠵᠢᠯᠯᠠᠨ ᠪᠦᠯᠬᠦᠮᠳᠡᠨ ᠴᠢᠷᠮᠠᠶᠢᠵᠦ᠂ ᠠᠤᠭ᠎ᠠ ᠦᠢᠯᠡᠰ | ᠪᠦᠲᠦᠭᠡᠬᠦ ᠶᠢᠨ ᠲᠦᠯᠦᠭᠡ ᠦᠵᠡᠯ ᠰᠠᠨᠠᠭ᠎ᠠ ᠪᠠᠨ ᠴᠢᠯᠦᠭᠡᠯᠡᠵᠦ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ | ᠡᠷᠴᠢ ᠵᠣᠷᠢᠭ ᠢᠶᠠᠨ ᠬᠦᠪᠴᠢᠯᠡᠨ ᠢᠳᠡᠪᠬᠢᠲᠠᠢ ᠤᠷᠤᠭᠰᠢᠯᠠᠵᠤ᠂ ᠰᠢᠯᠢᠳᠡᠭ ᠬᠢᠷᠢ ᠪᠦᠲᠦᠮᠵᠢ ᠪᠠᠷ ︽ᠠᠷᠪᠠᠨ | ᠭᠤᠷᠪᠠᠳᠣᠭᠠᠷ ᠲᠠᠪᠣᠨ ᠵᠢᠯ︾ ᠤᠨ ᠠᠵᠢᠯ ᠢᠶᠠᠨ ᠠᠮᠵᠢᠯᠲᠠ ᠲᠠᠢ ᠰᠠᠶᠢᠬᠠᠨ ᠡᠬᠢᠯᠡᠭᠦᠯᠦᠶ᠎ᠡ︕ | | | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠤᠭᠲᠠᠯ ᠪᠦᠬᠦᠢ ᠨᠡᠷ᠎ᠡ ᠲᠤᠮᠢᠶ᠎ᠠ ᠪᠤᠯᠤᠨ | ᠲᠤᠪᠴᠢ ᠨᠡᠷᠡᠰ ᠤᠨ ᠲᠠᠶᠢᠯᠪᠣᠷᠢ᠄ | 1. ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ —— ᠨᠠᠮ ᠤᠨ ᠠᠷᠪᠠᠨ | ᠨᠠᠢᠮᠠᠳᠣᠭᠠᠷ ᠬᠤᠷᠠᠯ ᠠᠴᠠ ᠲᠤᠮᠳᠠᠳᠣ ᠣᠯᠣᠰ ᠤᠨ ᠣᠨᠴᠠᠯᠢᠭᠳᠣ ᠨᠡᠶᠢᠭᠡᠮ ᠵᠢᠷᠣᠮ ᠤᠨ ᠠᠵᠢᠯ ᠦᠢᠯᠡᠰ ᠢ | ᠪᠦᠳᠦᠭᠡᠨ ᠪᠠᠶᠢᠭᠤᠯᠬᠤ ᠶᠡᠷᠦᠩᠬᠡᠢ ᠪᠠᠶᠢᠷᠢᠰᠢᠭᠤᠯᠣᠯᠲᠠ ᠶᠢ ᠠᠵᠣ ᠠᠬᠤᠢ ᠶᠢᠨ ᠪᠦᠳᠦᠭᠡᠨ ᠪᠠᠶᠢᠭᠤᠯᠤᠯᠲᠠ᠂ ᠣᠯᠣᠰ | ᠲᠥᠷᠦ ᠶᠢᠨ ᠪᠦᠳᠦᠭᠡᠨ ᠪᠠᠶᠢᠭᠤᠯᠤᠯᠲᠠ᠂ ᠰᠣᠶᠣᠯ ᠤᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠪᠦᠳᠦᠭᠡᠨ | ᠪᠠᠶᠢᠭᠤᠯᠤᠯᠲᠠ ᠵᠡᠷᠭᠡ ︽ᠲᠦᠷᠪᠡ ᠶᠢ ᠨᠢᠭᠡ ᠴᠣᠭᠴᠠᠵᠢᠭᠤᠯᠬᠤ︾ ᠪᠠᠶᠢᠭᠰᠠᠨ ᠠᠴᠠ ᠠᠮᠢ ᠠᠬᠤᠢ ᠶᠢᠨ ᠪᠤᠯᠪᠠᠰᠣᠨ | ᠤ ᠪᠦᠳᠦᠭᠡᠨ ᠪᠠᠶᠢᠭᠤᠯᠤᠯᠲᠠ ᠶᠢᠨ ᠠᠭᠤᠯᠭ᠎ᠠ ᠶᠢ ᠨᠡᠮᠡᠵᠦ ︽ᠲᠠᠪᠤ ᠶᠢ ᠨᠢᠭᠡ ᠴᠣᠭᠴᠠᠵᠢᠭᠤᠯᠬᠤ︾ ᠪᠣᠯᠭᠠᠨ | ᠬᠤᠪᠢᠷᠠᠭᠤᠯᠣᠨ᠎ᠠ ᠭᠡᠵᠦ ᠲᠣᠷᠠᠳᠣᠨ ᠭᠠᠷᠭᠠᠵᠠᠢ᠂ ᠡᠨᠡ ᠨᠢ ᠣᠯᠣᠰ ᠤᠨ ᠲᠣᠳᠣᠭᠠᠳᠣ ᠭᠠᠳᠠᠭᠠᠳᠣ ᠶᠢᠨ ᠶᠡᠭᠡ ᠲᠠᠯ᠎ᠠ᠂ | ᠰᠢᠨᠵᠢᠯᠡᠬᠦ ᠣᠬᠠᠭᠠᠨᠴᠢ ᠭᠥᠭᠵᠢᠯᠲᠡ ᠶᠢᠨ ᠦᠵᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠮᠣᠷᠣᠭᠰᠠᠨ | ᠰᠢᠨ᠎ᠡ ᠨᠢᠭᠡᠨ ᠪᠠᠶᠢᠷᠢᠰᠢᠭᠤᠯᠣᠯᠲᠠ ᠪᠤᠯᠤᠨ᠎ᠠ᠃ | 2. ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠲᠠ —— | 2014 ᠣᠨ ᠤ 12 ᠰᠠᠷ᠎ᠠ ᠳᠤ᠂ ᠰᠢ ᠶᠢᠨ ᠫᠢᠩ ᠶᠡᠷᠦᠩᠬᠡᠢ ᠱᠦᠵᠢ ᠵᠢᠶᠠᠩᠰᠣ ᠳᠤ ᠪᠠᠶᠢᠴᠠᠭᠠᠨ ᠰᠣᠳᠣᠯᠣᠯᠲᠠ | ᠬᠢᠬᠦ ᠳᠡᠭᠡᠨ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠢᠭᠠᠵᠣ | ᠭᠠᠷᠭᠠᠪᠠ᠂ ᠲᠡᠷᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠠᠣᠯᠢ ᠶᠣᠰᠣᠭᠠᠷ ᠣᠯᠣᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ᠂ | ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠵᠡᠷᠭᠡ ᠶᠢ ᠵᠣᠬᠢᠴᠠᠭᠤᠯᠤᠨ ᠠᠬᠢᠭᠤᠯᠬᠤ ᠶᠢ ᠵᠢᠭᠠᠨ᠎ᠠ᠃ | 3. ᠲᠠᠪᠣᠨ ᠶᠡᠭᠡ ᠬᠦᠭᠵᠢᠯᠲᠡ ᠶᠢᠨ ᠣᠶᠢᠯᠠᠭᠠᠭᠳᠠᠬᠤᠨ —— 2015 ᠣᠨ ᠤ 10 ᠰᠠᠷ᠎ᠠ ᠶᠢᠨ 26 | ᠤ ᠡᠳᠦᠷ ᠠᠷᠪᠠᠨ ᠨᠠᠢᠮᠠᠳᠣᠭᠠᠷ ᠬᠤᠭᠤᠴᠠᠭᠠᠨ ᠤ ᠲᠠᠪᠣᠳᠣᠭᠠᠷ ᠪᠦᠬᠦᠳᠡ ᠬᠤᠷᠠᠯ ᠠᠴᠠ ᠲᠣᠷᠠᠳᠣᠭᠰᠠᠨ ᠨᠢ᠂ ︽ | ᠠᠷᠪᠠᠨ ᠭᠤᠷᠪᠠᠳᠣᠭᠠᠷ ᠲᠠᠪᠣᠨ ᠵᠢᠯ︾ ᠤᠨ ᠬᠤᠭᠤᠴᠠᠭᠠᠨ ᠤ ᠬᠠᠷᠠᠯᠲᠠ ᠶᠢ ᠪᠡᠶᠡᠯᠡᠭᠦᠯᠣᠨ᠂ ᠬᠦᠭᠵᠢᠯᠲᠡ ᠶᠢᠨ | ᠲᠦᠪᠡᠭ ᠠᠰᠠᠭᠤᠳᠠᠯ ᠢ ᠰᠢᠢᠳᠪᠦᠷᠢᠯᠡᠵᠦ᠂ ᠬᠦᠭᠵᠢᠯᠲᠡ ᠶᠢᠨ ᠲᠠᠪᠠᠭᠤᠯᠢᠭ ᠢ ᠨᠡᠮᠡᠭᠳᠡᠭᠦᠯᠬᠦ ᠳᠤ ᠡᠷᠬᠡᠪᠡᠰᠢ ᠰᠢᠨ᠎ᠡ ᠶᠢ | ᠡᠭᠦᠳᠬᠦ᠂ ᠵᠣᠬᠢᠴᠠᠩᠭᠤᠢ᠂ ᠪᠣᠬᠢᠷᠲᠣᠯ ᠦᠭᠡᠢ᠂ ᠨᠡᠭᠡᠭᠡᠯᠲᠡ ᠬᠢᠬᠦ᠂ ᠬᠠᠮᠲᠣᠪᠡᠷ ᠡᠳ᠋ᠯᠡᠬᠦ ᠬᠦᠭᠵᠢᠯᠲᠡ ᠶᠢᠨ ᠣᠨᠣᠯ ᠢ | ᠪᠠᠷᠢᠮᠲᠠᠯᠠᠬᠤ ᠬᠡᠷᠡᠭᠲᠡᠢ᠃ | 4. ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠲᠠᠢ ᠥᠭᠡᠷᠡᠴᠢᠯᠡᠯᠲᠡ —— 2015 ᠣᠨ ᠤ | 11 ᠰᠠᠷ᠎ᠠ ᠶᠢᠨ 10 ᠤ ᠡᠳᠦᠷ᠂ ᠲᠦᠪ ᠤᠨ ᠡᠳ᠋ ᠤᠨ ᠵᠠᠰᠠᠭ ᠠᠵᠣ ᠠᠬᠤᠢ ᠶᠢᠨ ᠣᠳᠣᠷᠢᠳᠬᠤ ᠲᠤᠭᠤᠶᠢᠯᠠᠩ | ᠤᠨ ᠠᠷᠪᠠᠨ ᠨᠢᠭᠡᠳᠦᠭᠡᠷ ᠣᠳᠠᠭᠠᠨ ᠤ ᠬᠤᠷᠠᠯ ᠲᠡᠭᠡᠷ᠎ᠡ ᠰᠢ ᠶᠢᠨ ᠫᠢᠩ ᠶᠡᠷᠦᠩᠬᠡᠢ ᠱᠦᠵᠢ ︽ᠬᠠᠩᠭᠠᠯᠭ᠎ᠠ ᠲᠡᠰᠢ | ᠬᠡᠯᠪᠡᠶᠢᠬᠦ ᠪᠦᠳᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠦᠴᠦᠯᠡᠨ ᠴᠢᠩᠭᠠᠳᠬᠠᠬᠤ︾ ᠶᠢ ᠠᠩᠬ᠎ᠠ ᠲᠤᠷᠠᠳᠣᠭᠰᠠᠨ | ᠪᠠᠶᠢᠨ᠎ᠠ᠂ ᠲᠡᠷᠡ ᠨᠢ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠠᠴᠠ ᠭᠠᠷᠳᠠᠵᠦ᠂ | ᠥᠭᠡᠷᠡᠴᠢᠯᠡᠯᠲᠡ ᠶᠢᠨ ᠠᠷᠭ᠎ᠠ ᠪᠠᠷ ᠪᠦᠳᠦᠴᠡ ᠶᠢᠨ ᠲᠤᠬᠢᠷᠠᠭᠤᠯᠤᠯᠲᠠ ᠶᠢ ᠠᠬᠢᠭᠤᠯᠤᠨ᠂ ᠪᠦᠷᠢᠯᠳᠦᠭᠦᠨ ᠡᠯᠮᠧᠨᠧᠲ | ᠶᠢᠨ ᠲᠣᠬᠢᠷᠠᠭᠤᠯᠣᠯᠲᠠ ᠶᠢᠨ ᠲᠠᠯ᠎ᠠ ᠪᠠᠷ ᠣᠷᠣᠰᠢᠵᠦ ᠪᠠᠶᠢᠭ᠎ᠠ ᠠᠰᠠᠭᠤᠳᠠᠯ ᠢ ᠵᠠᠯᠠᠷᠠᠭᠤᠯᠵᠦ᠂ ᠪᠦᠲᠦᠮᠵᠢᠲᠡᠢ | ᠬᠠᠩᠭᠠᠯᠭ᠎ᠠ ᠶᠢ ᠥᠷᠭᠡᠳᠬᠡᠨ᠂ ᠬᠠᠩᠭᠠᠯᠭ᠎ᠠ ᠶᠢᠨ ᠪᠦᠳᠦᠴᠡ ᠶᠢᠨ ᠱᠠᠭᠠᠷᠳᠠᠯᠭ᠎ᠠ ᠶᠢᠨ ᠬᠤᠪᠢᠷᠠᠯᠲᠠ ᠳᠠᠬᠢ | ᠲᠤᠬᠢᠷᠠᠮᠵᠢᠳᠣ ᠴᠢᠨᠠᠷ ᠪᠠ ᠠᠮᠢᠳᠣᠯᠢᠭ ᠴᠢᠨᠠᠷ ᠢ ᠲᠡᠭᠡᠭᠰᠢᠯᠡᠭᠦᠯᠵᠦ᠂ ᠪᠦᠷᠢᠯᠳᠦᠭᠦᠨ ᠡᠯᠧᠮᠧᠨ᠋ᠲ ᠶᠢᠨ ᠦᠢᠯᠡᠳᠪᠦᠷᠢᠯᠡᠯ | ᠤᠨ ᠨᠣᠷᠮ᠎ᠠ ᠶᠢ ᠪᠦᠬᠦ ᠬᠦᠴᠦᠨ ᠢᠶᠠᠷ ᠲᠡᠭᠡᠭᠰᠢᠯᠡᠭᠦᠯᠦᠨ᠂ ᠥᠷᠭᠡᠨ ᠣᠯᠠᠨ ᠠᠷᠠᠳ ᠲᠦᠮᠡᠨ ᠤ ᠱᠠᠭᠠᠷᠳᠠᠯᠭ᠎ᠠ ᠶᠢ | ᠨᠡᠩ ᠰᠠᠶᠢᠳᠣᠷ ᠬᠠᠩᠭᠠᠵᠣ᠂ ᠠᠵᠣ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠶᠢ ᠵᠢᠭᠠᠨ᠎ᠠ᠃ | 5. ᠭᠤᠷᠪᠠ ᠶᠢ ᠠᠷᠢᠯᠭᠠᠵᠦ ᠨᠢᠭᠡ ᠶᠢ ᠪᠠᠭᠤᠷᠠᠭᠤᠯᠣᠨ ᠨᠢᠭᠡ ᠶᠢ ᠨᠦᠬᠦᠪᠦᠷᠢᠯᠡᠬᠦ —— 2015 ᠣᠨ | ᠤ 12 ᠰᠠᠷ᠎ᠠ ᠶᠢᠨ 18 ᠤ ᠡᠳᠦᠷ᠂ ᠲᠦᠪ ᠬᠤᠷᠢᠶᠠᠨ ᠤ ᠠᠵᠣ ᠠᠬᠤᠢ ᠶᠢᠨ ᠠᠵᠢᠯ ᠤᠨ ᠬᠤᠷᠠᠯ ᠠᠴᠠ | ᠲᠣᠷᠠᠳᠣᠭᠰᠠᠨ ᠨᠢ᠂ 2016 ᠣᠨ ᠤ ᠪᠦᠬᠦ ᠣᠯᠣᠰ ᠤᠨ ᠠᠵᠣ ᠠᠬᠤᠢ ᠨᠡᠶᠢᠭᠡᠮ ᠤᠨ ᠬᠦᠭᠵᠢᠯᠲᠡ ᠶᠢᠨ | ᠭᠤᠣᠯᠳᠠᠯᠭ᠎ᠠ ᠨᠢ ᠦᠯᠡᠭᠦᠳᠡᠯ ᠦᠢᠯᠡᠳᠪᠦᠷᠢᠯᠡᠯ ᠤᠨ ᠴᠢᠳᠠᠪᠣᠷᠢ ᠶᠢ ᠠᠷᠢᠯᠭᠠᠬᠤ᠂ ᠢᠯᠡᠭᠦᠳᠡᠯ ᠨᠦᠭᠡᠴᠡ ᠶᠢ | ᠠᠷᠢᠯᠭᠠᠬᠤ᠂ ᠬᠦᠰᠢᠭᠦᠷᠭᠡ ᠶᠢ ᠦᠭᠡᠶᠢᠰᠬᠡᠬᠦ᠂ ᠦᠪᠡᠷ ᠤᠨ ᠦᠷᠲᠡᠭ ᠢ ᠪᠠᠭᠤᠷᠠᠭᠤᠯᠬᠤ᠂ ᠲᠣᠲᠠᠭᠤᠳᠠᠯ ᠢᠶᠠᠨ | ᠨᠦᠬᠦᠪᠦᠷᠢᠯᠡᠬᠦ ᠲᠠᠪᠣᠨ ᠴᠢᠬᠤᠯᠠ ᠡᠭᠦᠷᠭᠡ ᠶᠢ ᠰᠠᠶᠢᠲᠣᠷ ᠠᠳᠬᠤᠬᠤ ᠶᠠᠪᠣᠳᠠᠯ ᠪᠣᠯᠣᠨ᠎ᠠ᠃ | 6. ᠨᠢᠭᠡ ᠪᠦᠰᠡ ᠨᠢᠭᠡ ᠵᠠᠮ — 2013 ᠣᠨ ᠤ 9 ᠰᠠᠷ᠎ᠠ ᠪᠠ 10 ᠰᠠᠷ᠎ᠠ ᠳᠤ ᠰᠢ ᠶᠢᠨ ᠫᠢᠩ | ᠶᠡᠷᠦᠩᠬᠡᠢ ᠱᠦᠵᠢ ᠲᠤᠮᠳᠠᠳᠣ ᠠᠽᠢᠶ᠎ᠠ᠂ ᠵᠡᠭᠦᠨ ᠡᠮᠦᠨᠡᠳᠦ ᠠᠽᠢᠶ᠎ᠠ ᠶᠢᠨ ᠬᠤᠯᠪᠣᠭ᠎ᠠ ᠪᠠᠷ ᠠᠶᠢᠯᠴᠢᠯᠠᠬᠤ ᠳᠠᠭᠠᠨ ︽ | ᠲᠤᠷᠭᠠᠨ ᠵᠠᠮ ᠤᠨ ᠠᠵᠣ ᠠᠬᠤᠢ ᠶᠢᠨ ᠪᠦᠰᠡ︾ ᠪᠤᠯᠤᠨ ︽ᠲᠠᠯᠠᠢ ᠲᠡᠭᠡᠷᠡᠬᠢ ᠲᠤᠷᠭᠠᠨ ᠵᠠᠮ︾ ᠤᠨ ︽ᠨᠢᠭᠡ | ᠪᠦᠰᠡ ᠨᠢᠭᠡ ᠵᠠᠮ︾ ᠤᠨ ᠪᠠᠶᠢᠯᠳᠣᠬᠤ ᠪᠣᠳᠣᠯᠭ᠎ᠠ ᠶᠢᠨ ᠰᠡᠳᠬᠢᠮᠵᠢ ᠶᠢ ᠲᠤᠷᠠᠳᠣᠨ ᠭᠠᠷᠭᠠᠵᠠᠢ᠃ ᠲᠡᠷᠡ ᠨᠢ | ᠭᠤᠣᠯᠳᠠᠭᠤ ᠲᠤᠮᠳᠠᠳᠣ ᠣᠯᠣᠰ ᠪᠤᠯᠤᠨ ᠬᠤᠯᠪᠤᠭᠲᠠᠯ ᠪᠦᠬᠦᠢ ᠣᠯᠣᠰ ᠤᠨ ᠬᠤᠭᠤᠷᠣᠨᠳᠣ ᠨᠢᠭᠡᠨᠲᠡ ᠲᠣᠭᠲᠠᠭᠰᠠᠨ | ᠬᠤᠶᠠᠷ ᠡᠳᠡᠭᠡᠳ ᠪᠠ ᠣᠯᠠᠨ ᠲᠠᠯᠠᠳᠣ ᠲᠤᠭᠲᠠᠴᠠ ᠳᠤ ᠲᠦᠰᠢᠭᠯᠡᠨ᠂ ᠨᠢᠭᠡᠨᠲᠡ ᠣᠷᠣᠰᠢᠵᠦ ᠪᠠᠶᠢᠭ᠎ᠠ ᠮᠦᠷᠲᠡᠭᠡᠨ | ᠠᠵᠢᠯ ᠤᠨ ᠦᠷ᠎ᠡ ᠪᠦᠲᠦᠮᠵᠢ ᠪᠠᠷ ᠦᠨᠳᠦᠷ ᠪᠦᠬᠦᠢ ᠣᠷᠣᠨ ᠲᠣᠭᠤᠷᠢᠭ ᠤᠨ ᠬᠠᠮᠲᠣᠷᠠᠯᠴᠠᠭᠠᠨ ᠤ ᠲᠠᠪᠴᠠᠩ ᠢ | ᠠᠰᠢᠭᠯᠠᠵᠦ᠂ ᠣᠯᠠᠨ ᠲᠠᠯ᠎ᠠ ᠶᠢᠨ ᠬᠠᠷᠢᠯᠴᠠᠭ᠎ᠠ ᠪᠠᠨ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠢ | ᠬᠠᠮᠲᠣᠪᠡᠷ ᠪᠠᠶᠢᠭᠤᠯᠬᠤ ᠶᠢᠨ ᠵᠣᠷᠢᠯᠭ᠎ᠠ ᠨᠢ᠂ ᠠᠵᠣ ᠠᠬᠤᠢ ᠶᠢᠨ ᠪᠦᠷᠢᠯᠳᠦᠭᠦᠨᠡᠯᠧᠮᠧᠨ᠋ᠲ ᠶᠢᠨ ᠡᠮᠬᠢ ᠵᠠᠮᠪᠠᠷᠠᠭ᠎ᠠ | ᠲᠠᠢ ᠡᠷᠬᠡ ᠴᠢᠯᠦᠭᠡᠲᠡᠢ ᠪᠠᠷ ᠡᠷᠭᠢᠯᠳᠦᠬᠦ ᠪᠠ ᠡᠬᠢ ᠰᠣᠷᠪᠣᠯᠵᠢ ᠶᠢ ᠦᠨᠳᠦᠷ ᠪᠦᠲᠦᠮᠵᠢᠲᠡᠢ ᠪᠠᠷ ᠲᠣᠬᠢᠷᠠᠭᠤᠯᠬᠤ | ᠵᠢᠴᠢ ᠵᠠᠬ᠎ᠠ ᠲᠡᠯᠭᠡᠭᠦᠷ ᠤᠨ ᠠᠭᠤᠰᠣᠯᠴᠠᠯ ᠢ ᠠᠬᠢᠭᠤᠯᠵᠦ᠂ ︽ᠨᠢᠭᠡ ᠪᠦᠰᠡ ᠨᠢᠭᠡ ᠵᠠᠮ︾ ᠤᠨ ᠲᠠᠭᠠᠣ ᠣᠯᠣᠰ | ᠤᠨ ᠠᠵᠣ ᠠᠬᠤᠢ ᠶᠢᠨ ᠲᠦᠷᠦ ᠶᠢᠨ ᠪᠣᠳᠣᠯᠭ᠎ᠠ ᠲᠠᠢ ᠵᠣᠬᠢᠴᠠᠯᠳᠣᠭᠤᠯᠵᠦ᠂ ᠨᠡᠩ ᠦᠷᠭᠡᠨ ᠬᠡᠪᠴᠢᠶ᠎ᠡ᠂ ᠨᠡᠩ | ᠦᠨᠳᠦᠷ ᠬᠢᠷᠢ ᠲᠦᠪᠰᠢᠨ᠂ ᠨᠡᠩ ᠭᠦᠨ ᠲᠠᠪᠬᠤᠷᠭᠠᠲᠣ ᠬᠠᠮᠲᠣᠷᠠᠯᠴᠠᠭ᠎ᠠ ᠶᠢ ᠠᠬᠢᠭᠤᠯᠵᠦ᠂ ᠨᠡᠬᠡᠭᠡᠯᠲᠡ ᠬᠢᠬᠦ᠂ | ᠪᠠᠭᠲᠠᠭᠠᠮᠵᠢ ᠲᠠᠢ᠂ ᠲᠡᠩᠴᠡᠭᠦᠷᠢᠲᠡᠢ᠂ ᠬᠠᠮᠲᠣᠪᠡᠷ ᠠᠰᠢᠭ ᠬᠦᠷᠲᠡᠬᠦ ᠣᠷᠣᠨ ᠪᠦᠰᠡ ᠶᠢᠨ ᠠᠵᠣ ᠠᠬᠤᠢ ᠶᠢᠨ | ᠬᠠᠮᠲᠣᠷᠠᠯᠴᠠᠭ᠎ᠠ ᠶᠢ ᠡᠭᠦᠳᠬᠦ ᠶᠢᠨ ᠲᠦᠯᠦᠭᠡ ᠶᠣᠮ᠃ | 7. ᠲᠤᠮᠳᠠᠳᠣ ᠣᠯᠣᠰ ᠦᠢᠯᠡᠳᠬᠦ 2025 —— ᠲᠤᠮᠳᠠᠳᠣ ᠣᠯᠣᠰ ᠤᠨ ᠵᠠᠰᠠᠭ ᠤᠨ ᠣᠷᠳᠣᠨ | ᠠᠴᠠ ᠬᠦᠴᠦᠷᠬᠡᠭ ᠣᠯᠣᠰ ᠢ ᠪᠠᠶᠢᠭᠤᠯᠬᠤ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠬᠦ ᠨᠢᠭᠡᠳᠦᠭᠡᠷ ᠠᠷᠪᠠᠨ ᠵᠢᠯ ᠤᠨ | ᠠᠵᠢᠯᠯᠠᠭᠠᠨ ᠤ ᠬᠥᠳᠦᠯᠪᠦᠷᠢ ᠪᠣᠯᠣᠨ᠎ᠠ᠂ ︽ᠰᠢᠨ᠎ᠡ ᠶᠢ ᠡᠭᠦᠳᠬᠦ ᠪᠠᠷ ᠬᠦᠲᠡᠯᠭᠡᠬᠦ ᠬᠦᠴᠦᠨ ᠪᠤᠯᠭᠠᠵᠤ᠂ ᠴᠢᠨᠠᠷ | ᠴᠢᠨᠰᠠᠭ᠎ᠠ ᠶᠢ ᠲᠡᠷᠢᠭᠦᠨ ᠳᠤ ᠲᠠᠯᠪᠢᠵᠤ᠂ ᠪᠤᠬᠢᠷᠳᠣᠯ ᠦᠭᠡᠢ ᠭᠥᠭᠵᠢᠭᠦᠯᠦᠨ᠂ ᠪᠦᠳᠦᠴᠡ ᠶᠢ ᠰᠢᠯᠢᠳᠡᠭᠵᠢᠭᠦᠯᠵᠦ᠂ | ᠴᠢᠳᠠᠪᠣᠷᠢᠳᠠᠨ ᠢᠶᠠᠷ ᠭᠤᠤᠯ ᠪᠤᠯᠭᠠᠬᠤ︾ ᠦᠨᠳᠦᠰᠦᠨ ᠴᠢᠭᠯᠡᠯᠲᠡ ᠶᠢ ᠪᠠᠷᠢᠮᠲᠠᠯᠠᠨ᠂ ︽ᠵᠠᠬ᠎ᠠ ᠲᠡᠯᠭᠡᠭᠦᠷ ᠢᠶᠠᠷ | ᠵᠢᠯᠤᠭᠤᠳᠣᠯᠭ᠎ᠠ ᠪᠤᠯᠭᠠᠨ᠂ ᠵᠠᠰᠠᠭ ᠤᠨ ᠣᠷᠳᠣᠨ ᠬᠥᠳᠦᠯᠦᠨ ᠲᠠᠭᠠᠭᠤᠯᠵᠤ᠂ ᠣᠳᠣᠬᠢ ᠪᠠᠶᠢᠳᠠᠯ ᠳᠠᠭᠠᠨ | ᠲᠦᠰᠢᠭᠯᠡᠵᠦ᠂ ᠢᠷᠡᠭᠡᠳᠦᠢ ᠶᠢ ᠪᠠᠷᠠᠯᠠᠵᠣ᠂ ᠪᠦᠬᠦᠯᠢ ᠴᠣᠭᠴᠠ ᠪᠠᠷ ᠠᠬᠢᠭᠤᠯᠣᠨ᠂ ᠭᠤᠤᠯᠳᠠᠯᠭ᠎ᠠ ᠲᠠᠢ ᠰᠢᠪᠳᠣᠯᠵᠣ᠂ | ᠥᠪᠡᠷ ᠢᠶᠠᠨ ᠴᠢᠷᠮᠠᠶᠢᠵᠣ ᠭᠥᠭᠵᠢᠬᠦ᠂ ᠨᠡᠭᠡᠭᠡᠯᠲᠡ ᠬᠢᠵᠦ ᠬᠠᠮᠳᠣᠷᠠᠯᠴᠠᠬᠤ︾ ᠦᠨᠳᠦᠰᠦᠨ ᠵᠡᠷᠴᠢᠮ ᠢ ᠪᠠᠷᠢᠮᠲᠠᠯᠠᠵᠣ | ᠂ ︽ᠭᠤᠷᠪᠠᠨ ᠠᠯᠬᠤᠮ︾ ᠢᠶᠠᠷ ᠲᠠᠮᠵᠢᠨ᠂ ᠬᠦᠴᠦᠷᠬᠡᠭ ᠣᠯᠣᠰ ᠢ ᠪᠠᠶᠢᠭᠤᠯᠬᠤ ᠪᠠᠶᠢᠯᠳᠣᠬᠤ ᠪᠣᠳᠣᠯᠭ᠎ᠠ ᠶᠢᠨ | ᠬᠠᠷᠠᠯᠲᠠ ᠶᠢ ᠪᠡᠶᠡᠯᠡᠭᠦᠯᠦᠨ᠎ᠡ᠄ ᠨᠢᠭᠡᠳᠦᠭᠡᠷ ᠠᠯᠬᠤᠮ ᠳᠤ᠂ 2025 ᠣᠨ ᠪᠣᠯᠲᠠᠯ᠎ᠠ ᠦᠢᠯᠡᠳᠪᠦᠷᠢᠯᠡᠯ ᠤᠨ | ᠬᠦᠴᠦᠷᠬᠡᠭ ᠣᠯᠣᠰ ᠢ ᠪᠠᠶᠢᠭᠤᠯᠬᠤ ᠡᠩᠨᠡᠭᠡᠨ ᠳᠤ ᠲᠠᠪᠰᠢᠨ ᠣᠷᠣᠨ᠎ᠠ︔ ᠬᠤᠶᠠᠳᠣᠭᠠᠷ ᠠᠯᠬᠤᠮ ᠳᠤ᠂ 2035 | ᠣᠨ ᠪᠣᠯᠳᠠᠯ᠎ᠠ ᠲᠣᠮᠳᠠᠳᠣ ᠣᠯᠣᠰ ᠤᠨ ᠦᠢᠯᠡᠳᠪᠦᠷᠢᠯᠡᠯ ᠤᠨ ᠦᠢᠯᠡᠰ ᠢ ᠲᠡᠯᠡᠬᠡᠢ ᠶᠢᠨ ᠦᠢᠯᠡᠳᠪᠦᠷᠢᠯᠡᠯ ᠤᠨ | ᠬᠦᠴᠦᠷᠬᠡᠭ ᠣᠯᠣᠰ ᠤᠨ ᠡᠩᠨᠡᠭᠡᠨ ᠳᠠᠬᠢ ᠲᠤᠮᠳᠠ ᠵᠡᠷᠭᠡ ᠶᠢᠨ ᠬᠢᠷᠢ ᠲᠦᠪᠰᠢᠨ ᠳᠤ ᠬᠦᠷᠭᠡᠨ᠎ᠡ᠃ ᠭᠤᠷᠪᠠᠳᠣᠭᠠᠷ | ᠠᠯᠬᠤᠮ ᠳᠤ᠂ ᠰᠢᠨ᠎ᠡ ᠲᠤᠮᠳᠠᠳᠣ ᠣᠯᠣᠰ ᠪᠠᠶᠢᠭᠤᠯᠣᠭᠳᠠᠭᠰᠠᠨ100 ᠵᠢᠯ ᠤᠨ ᠣᠢ ᠪᠣᠯᠳᠠᠯ᠎ᠠ ᠣᠯᠣᠰ ᠤᠨ | ᠶᠡᠷᠦᠩᠬᠡᠶᠢᠯᠡᠭᠰᠡᠨ ᠪᠣᠳᠠᠲᠦ ᠬᠦᠴᠦᠨ ᠲᠡᠯᠡᠬᠡᠢ ᠶᠢᠨ ᠦᠢᠯᠡᠳᠪᠦᠷᠢᠯᠡᠯ ᠤᠨ ᠬᠦᠴᠦᠷᠬᠡᠭ ᠣᠯᠣᠰ ᠤᠨ ᠲᠦᠷᠦᠭᠦᠦ | ᠡᠩᠨᠡᠭᠡᠨ ᠳᠤ ᠣᠷᠣᠨ᠎ᠠ᠃ | 8. ᠢᠨᠲ᠋ᠧᠷ ᠰᠦᠯᠵᠢᠶ᠎ᠡ —— 2015 ᠣᠨ ᠤ 3 ᠰᠠᠷ᠎ᠠ ᠶᠢᠨ 5 ᠤ ᠡᠳᠦᠷ᠂ ᠠᠷᠪᠠᠨ ᠬᠤᠶᠠᠳᠣᠭᠠᠷ | ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ | ᠣᠳᠠᠭᠠᠨ ᠤ ᠬᠤᠷᠠᠯᠳᠣᠭᠠᠨ ᠲᠡᠭᠡᠷ᠎ᠡ᠂ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ᠪᠠᠨ ᠠᠩᠬ᠎ᠠ ᠣᠳᠠᠭ᠎ᠠ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠦᠯᠦᠪᠯᠡᠭᠡ ᠶᠢ ᠲᠤᠷᠠᠳᠴᠠᠢ᠃ | ︽ᠢᠨᠲ᠋ᠧᠷ ᠰᠦᠯᠵᠢᠶ᠎ᠡ +︾ ᠭᠡᠳᠡᠭ ᠨᠢ ︽ᠢᠨᠲ᠋ᠧᠷ ᠰᠦᠯᠵᠢᠶ᠎ᠡ + ᠡᠯ᠎ᠡ ᠲᠦᠷᠦᠯ ᠤᠨ ᠣᠯᠠᠮᠵᠢᠯᠠᠯᠲᠣ ᠠᠵᠢᠯ | ᠦᠢᠯᠡᠰ︾ ᠢ ᠵᠢᠭᠠᠵᠦ᠂ ᠰᠣᠷᠠᠭ ᠵᠠᠩᠭᠢ ᠴᠢᠮᠡᠭᠡ ᠨᠡᠪᠲᠡᠷᠡᠭᠦᠯᠭᠡ ᠶᠢᠨ ᠮᠡᠷᠭᠡᠵᠢᠯ ᠪᠣᠯᠣᠨ ᠢᠨᠲ᠋ᠧᠷ ᠰᠦᠯᠵᠢᠶᠡᠨ ᠤ | ᠲᠠᠪᠴᠠᠩ ᠢ ᠠᠰᠢᠭᠯᠠᠵᠦ᠂ ᠢᠨᠲ᠋ᠧᠷ ᠰᠦᠯᠵᠢᠶ᠎ᠡ ᠪᠠ ᠡᠯ᠎ᠡ ᠲᠦᠷᠦᠯ ᠤᠨ ᠣᠯᠠᠮᠵᠢᠯᠠᠯᠲᠣ ᠠᠵᠢᠯ ᠦᠢᠯᠡᠰ ᠢ | ᠭᠦᠨᠵᠡᠭᠡᠢ ᠠᠭᠤᠰᠣᠯᠴᠠᠭᠤᠯᠵᠦ᠂ ᠬᠦᠭᠵᠢᠯᠲᠡ ᠶᠢᠨ ᠰᠢᠨ᠎ᠡ ᠣᠷᠴᠢᠨ ᠠᠬᠤᠢ ᠶᠢ ᠪᠣᠢ ᠪᠣᠯᠭᠠᠨ᠎ᠠ᠃ | 9. ᠣᠯᠠᠨ ᠢᠶᠠᠷ ᠢᠶᠠᠨ ᠦᠢᠯᠡᠰ ᠪᠣᠰᠬᠠᠵᠦ᠂ ᠨᠡᠶᠢᠲᠡ ᠪᠠᠷ ᠢᠶᠠᠨ ᠰᠢᠨ᠎ᠡ ᠶᠢ ᠡᠭᠦᠳᠬᠦ —— 2014 | ᠣᠨ ᠤ 9 ᠰᠠᠷ᠎ᠠ ᠳᠤ ᠵᠣᠨ ᠤ ᠣᠯᠠᠷᠢᠯ ᠤᠨ ᠳ᠋ᠧᠶ᠋ᠢᠰ ᠤᠨ ᠶᠠᠷᠢᠯᠴᠠᠭᠠᠨ ᠤ ᠲᠠᠪᠴᠠᠩ ᠲᠡᠭᠡᠷ᠎ᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠤᠷᠠᠳᠣᠭᠰᠠᠨ ᠨᠢ᠄ 960 ᠲᠦᠮᠡᠨ ᠲᠡᠭᠰᠢ | ᠲᠦᠷᠪᠡᠯᠵᠢᠨ ᠺᠢᠯᠣᠮᠧᠲᠷ ᠨᠤᠲᠤᠭ ᠲᠡᠪᠢᠰᠭᠡᠷ ᠲᠡᠭᠡᠷ᠎ᠡ᠂ ︽ᠣᠯᠠᠨ ᠢᠶᠠᠷ ᠢᠶᠠᠨ ᠦᠢᠯᠡᠰ ᠪᠣᠰᠬᠠᠬᠤ︾ ︽ᠡᠭᠡᠯ | ᠠᠷᠠᠳ ᠦᠢᠯᠡᠰ ᠪᠣᠰᠬᠠᠬᠤ︾ ᠰᠢᠨ᠎ᠡ ᠣᠷᠣᠰᠬᠠᠯ ᠢ ᠮᠠᠨᠳᠣᠭᠤᠯᠵᠦ᠂ ︽ᠣᠯᠠᠨ ᠢᠶᠠᠷ ᠢᠶᠠᠨ ᠰᠢᠨ᠎ᠡ ᠶᠢ ᠡᠭᠦᠳᠬᠦ︾ | ︽ᠬᠦᠮᠦᠨ ᠪᠣᠯᠭᠠᠨ ᠰᠢᠨ᠎ᠡ ᠶᠢ ᠡᠭᠦᠳᠬᠦ︾ ᠰᠢᠨ᠎ᠡ ᠪᠠᠶᠢᠳᠠᠯ ᠢ ᠪᠦᠷᠢᠯᠳᠦᠭᠦᠯᠦᠨ᠎ᠡ ᠭᠡᠵᠡᠢ᠃ 2015 ᠣᠨ ᠤ | ᠲᠦᠷᠦ ᠶᠢᠨ ᠶᠠᠪᠣᠳᠠᠯ ᠤᠨ ᠬᠤᠷᠢᠶᠠᠨ ᠤ ᠠᠵᠢᠯ ᠤᠨ ᠢᠯᠡᠳᠬᠡᠯ ᠳᠤ ᠲᠣᠷᠠᠳᠣᠭᠰᠠᠨ ᠨᠢ᠄ ︽ᠣᠯᠠᠨ ᠢᠶᠠᠷ ᠢᠶᠠᠨ | ᠦᠢᠯᠡᠰ ᠪᠣᠰᠬᠠᠵᠦ᠂ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠨᠢ ᠠᠵᠢᠯ ᠣᠯᠭᠤᠯᠲᠠ ᠶᠢ ᠦᠷᠭᠡᠳᠬᠡᠵᠦ᠂ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠦᠯᠦ ᠪᠠᠷᠠᠨ ᠨᠡᠶᠢᠭᠡᠮ ᠤᠨ ᠡᠯ᠎ᠡ ᠲᠠᠪᠬᠤᠷᠭ᠎ᠠ ᠶᠢᠨ | ᠡᠷᠬᠢᠯᠲᠡ ᠭᠠᠷᠭᠠᠬᠤ ᠪᠠ ᠲᠦᠪ ᠭᠤᠣᠯᠴᠢ ᠡᠷᠬᠡ ᠲᠡᠭᠰᠢ ᠪᠠᠶᠢᠬᠤ ᠳᠤ ᠠᠰᠢᠭᠲᠠᠢ︾ ᠭᠡᠵᠡᠢ᠃ | 10. ᠲᠣᠮᠣ ᠲᠤᠭ᠎ᠠ ᠪᠠᠷᠢᠮᠲᠠ —— ᠬᠦᠯᠢᠴᠡᠵᠦ ᠲᠡᠶᠢᠯᠬᠦ ᠴᠠᠭ ᠬᠤᠭᠤᠴᠠᠭ᠎ᠠ ᠪᠠ ᠬᠦᠷᠢᠶ᠎ᠡ | ᠬᠡᠪᠴᠢᠶᠡᠨ ᠲᠣᠲᠣᠷ᠎ᠠ ᠶᠡᠷᠦᠳᠡ ᠶᠢᠨ ᠵᠦᠭᠡᠯᠡᠨ ᠲᠣᠨᠤᠭ ᠪᠠᠭᠠᠵᠢ ᠬᠡᠷᠡᠭᠰᠡᠯ ᠢ ᠠᠰᠢᠭᠯᠠᠵᠣ᠂ ᠴᠣᠭᠯᠠᠭᠤᠯᠬᠤ᠂ | ᠬᠠᠮᠢᠶᠠᠷᠬᠤ ᠪᠠ ᠰᠢᠢᠳᠪᠦᠷᠢᠯᠡᠬᠦ ᠠᠷᠭ᠎ᠠ ᠪᠠᠷ ᠥᠯᠦ ᠪᠡᠶᠡᠯᠡᠭᠦᠯᠵᠦ ᠲᠡᠶᠢᠯᠬᠦ ᠦᠶᠡᠰ ᠬᠡᠷᠡᠭᠯᠡᠬᠦ ᠲᠤᠭ᠎ᠠ ᠪᠠᠷᠢᠮᠲᠠ ᠶᠢᠨ | ᠴᠣᠭᠯᠠᠷᠠᠯ ᠢ ᠵᠢᠭᠠᠵᠦ ᠪᠠᠶᠢᠨ᠎ᠠ᠂ ᠰᠢᠨ᠎ᠡ ᠰᠢᠢᠳᠪᠦᠷᠢᠯᠡᠬᠦ ᠬᠡᠯᠪᠡᠷᠢ ᠪᠠᠷ ᠲᠠᠮᠵᠢᠮᠠᠨᠵᠢᠨ ᠰᠠᠶ᠋ᠢ ᠣᠯᠠᠮ ᠰᠠᠶᠢᠨ | ᠰᠢᠢᠳᠪᠦᠷᠢᠯᠡᠬᠦ ᠬᠦᠴᠦᠨ᠂ ᠰᠡᠷᠡᠵᠦ ᠮᠡᠳᠡᠬᠦ ᠬᠦᠴᠦᠨ ᠪᠠ ᠶᠠᠪᠣᠴᠠ ᠶᠢ ᠰᠢᠯᠢᠳᠡᠭᠵᠢᠭᠦᠯᠬᠦ ᠴᠢᠳᠠᠪᠣᠷᠢ ᠶᠢ | ᠪᠦᠷᠢᠯᠳᠦᠭᠦᠯᠳᠡᠭ ᠶᠡᠭᠡ ᠬᠡᠮᠵᠢᠶᠡᠨ ᠤ ᠦᠨᠳᠦᠷ ᠨᠡᠮᠡᠭᠳᠡᠯ ᠤᠨ ᠨᠣᠷᠮ᠎ᠠ ᠪᠠ ᠣᠯᠠᠨ ᠶᠠᠩᠵᠦ ᠶᠢᠨ ᠰᠣᠷᠠᠭ ᠵᠠᠩᠭᠢ | ᠶᠢᠨ ᠡᠬᠢ ᠰᠣᠷᠪᠣᠯᠵᠢ ᠪᠣᠯᠣᠨ᠎ᠠ᠃ | 11. ᠭᠤᠷᠪᠠᠨ ᠰᠦᠯᠵᠢᠶᠡᠨ ᠲᠣᠣᠷ ᠢ ᠣᠶᠠᠯᠳᠣᠭᠤᠯᠣᠨ᠎ᠠ —— ᠴᠢᠮᠡᠭᠡ ᠬᠤᠯᠪᠣᠭᠠᠨ ᠤ ᠰᠦᠯᠵᠢᠶ᠎ᠡ᠂ | ᠷᠠᠳᠢᠣ᠋ ᠲᠧᠯᠸᠢᠰ ᠤᠨ ᠰᠦᠯᠵᠢᠶ᠎ᠡ᠂ ᠢᠨᠲ᠋ᠧᠷ ᠰᠦᠯᠵᠢᠶ᠎ᠡ ᠶᠢ ᠴᠢᠮᠡᠭᠡ ᠨᠡᠪᠲᠡᠷᠡᠭᠦᠯᠭᠡ ᠶᠢᠨ ᠪᠦᠰᠡ᠂ ᠲᠣᠭᠠᠴᠢᠯᠠᠭᠰᠠᠨ | ᠲᠧᠯᠸᠢᠰ ᠤᠨ ᠰᠦᠯᠵᠢᠶ᠎ᠡ᠂ ᠬᠤᠶᠢᠰᠢᠲᠠ ᠶᠢᠨ ᠢᠨᠲ᠋ᠧᠷ ᠰᠦᠯᠵᠢᠶᠡᠨ ᠤ ᠬᠤᠪᠢᠰᠣᠨ ᠭᠥᠭᠵᠢᠬᠦ ᠶᠠᠪᠣᠴᠠ ᠳᠤ᠂ | ᠭᠤᠷᠪᠠᠨ ᠲᠣᠣᠷ ᠰᠦᠯᠵᠢᠶᠡᠨ ᠤ ᠮᠡᠷᠭᠡᠵᠢᠯ ᠤᠨ ᠦᠭᠡᠷᠡᠴᠢᠯᠡᠯᠲᠡ ᠪᠠᠷ ᠲᠠᠮᠵᠢᠵᠦ᠂ ᠮᠡᠷᠭᠡᠵᠢᠯ ᠴᠢᠳᠠᠪᠬᠢ ᠶᠢ ᠨᠢ | ᠨᠢᠭᠡᠳᠦᠭᠦᠯᠵᠦ᠂ ᠲᠣᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠨᠢ ᠠᠳᠠᠯᠢᠬᠠᠨ ᠪᠣᠯᠭᠠᠵᠦ᠂ ᠰᠦᠯᠵᠢᠶ᠎ᠡ ᠨᠢ | ᠬᠠᠷᠢᠯᠴᠠᠨ ᠬᠤᠯᠪᠣᠭᠠᠯᠠᠵᠦ ᠬᠠᠷᠢᠯᠴᠠᠨ ᠨᠡᠪᠲᠡᠷᠡᠯᠴᠡᠭᠰᠡᠨ᠂ ᠡᠬᠢ ᠰᠣᠷᠪᠣᠯᠵᠢ ᠪᠠᠨ ᠬᠠᠮᠲᠣᠪᠡᠷ ᠠᠰᠢᠭᠯᠠᠵᠦ ᠬᠡᠷᠡᠭᠯᠡᠨ᠂ | ᠬᠡᠷᠡᠭᠯᠡᠭᠴᠢᠳ ᠲᠤ ᠦᠭᠡ ᠶᠠᠷᠢᠶ᠎ᠠ᠂ ᠲᠤᠭ᠎ᠠ ᠪᠠᠷᠢᠮᠲᠠ᠂ ᠷᠠᠳᠢᠣ᠋ ᠲᠧᠯᠸᠢᠰ ᠵᠡᠷᠭᠡ ᠤᠯᠠᠨ ᠲᠥᠷᠦᠯ ᠤᠨ | ᠦᠢᠯᠡᠴᠢᠯᠡᠭᠡ ᠬᠠᠩᠭᠠᠵᠦ ᠲᠡᠶᠢᠯᠬᠦ ᠶᠢ ᠵᠢᠭᠠᠵᠦ ᠪᠠᠶᠢᠨ᠎ᠠ᠃ | 12. ᠵᠢᠷᠭᠤᠭᠠᠨ ᠨᠠᠷᠢᠯᠢᠭ ᠤᠨᠤᠪᠴᠢᠲᠠᠢ —— 2015 ᠤᠨ ᠤ 6 ᠰᠠᠷ᠎ᠠ ᠶᠢᠨ18 ᠤ ᠡᠳᠤᠷ᠂ | ᠶᠡᠷᠤᠩᠬᠡᠢ ᠱᠦᠵᠢ ᠰᠢ ᠶᠢᠨ ᠫᠢᠡᠭ ᠭᠦᠢᠵᠸᠤ ᠳᠤ ᠬᠤᠷᠠᠯᠳᠤᠭᠰᠡᠨ ᠵᠠᠷᠢᠮ ᠮᠤᠵᠢ᠂ ᠦᠪᠡᠷᠲᠡᠭᠡᠨ ᠵᠠᠰᠠᠬᠤ ᠤᠷᠤᠨ᠂ | ᠬᠤᠲᠠ ᠶᠢᠨ ᠨᠠᠮ ᠤᠨ ᠬᠤᠷᠢᠶᠡᠨ ᠤ ᠭᠤᠤᠯ ᠬᠠᠷᠢᠭᠤᠴᠠᠯᠭᠠᠲᠠᠨ ᠨᠦᠬᠦᠳ ᠤᠨ ᠰᠠᠭᠤᠳᠠᠯ ᠤᠨ ᠬᠤᠷᠠᠯ ᠲᠡᠭᠡᠷ᠎ᠠ ︽ | ᠵᠢᠷᠭᠤᠭᠠᠨ ᠨᠠᠷᠢᠯᠢᠭ ᠤᠨᠤᠪᠴᠢᠲᠠᠢ︾ ᠶᠢ ᠲᠤᠷᠠᠳᠤᠨ ᠭᠠᠷᠭᠠᠵᠠᠢ᠂ ᠲᠠᠷᠤᠢ ᠶᠠᠳᠠᠭᠤ ᠶᠢ ᠲᠡᠳᠭᠦᠬᠦ ᠨᠢᠭᠤᠷᠯᠡᠯ | ᠨᠠᠷᠢᠯᠢᠭ ᠤᠨᠤᠪᠴᠢᠲᠠᠢ᠂ ᠲᠦᠷᠤᠯ ᠵᠦᠢᠯ ᠤᠨ ᠲᠤᠬᠢᠷᠠᠭᠤᠯᠤᠯᠲᠠ ᠨᠠᠷᠢᠯᠢᠭ ᠤᠨᠤᠪᠴᠢᠲᠠᠢ᠂ ᠪᠡᠯᠨ ᠮᠦᠩᠭᠦᠨ ᠤ | ᠬᠡᠷᠡᠭᠯᠡᠯᠲᠡ ᠨᠠᠷᠢᠯᠢᠭ ᠤᠨᠤᠪᠴᠢᠲᠠᠢ᠂ ᠠᠷᠭ᠎ᠠ ᠪᠤᠳᠤᠯᠭ᠎ᠠ ᠨᠠᠷᠢᠯᠢᠭ ᠤᠨᠤᠪᠴᠢᠲᠠᠢ᠂ ᠭᠠᠴᠠᠭ᠎ᠠ ᠲᠣᠰᠬᠤᠨ ᠳᠤ ᠺᠠᠳ᠋ᠷ | ᠲᠤᠮᠢᠯᠠᠬᠤ ᠳᠠᠭᠠᠨ ᠨᠠᠷᠢᠯᠢᠭ ᠤᠨᠤᠪᠴᠢᠲᠠᠢ᠂ ᠶᠡᠳᠡᠭᠤ ᠠᠴᠠ ᠠᠩᠬᠢᠵᠢᠷᠠᠭᠤᠯᠤᠭᠰᠡᠨ ᠦᠷ᠎ᠡ ᠪᠦᠲᠤᠮᠵᠢ ᠨᠠᠷᠢᠯᠢᠭ | ᠤᠨᠤᠪᠴᠢᠲᠠᠢ ᠵᠡᠷᠭᠡ᠃ | 13. ᠲᠠᠪᠤᠨ ᠨᠢᠭᠡ ᠪᠦᠯᠤᠭ᠌ —— 2015 ᠤᠨ ᠤ 10 ᠰᠠᠷ᠎ᠠ ᠶᠢᠨ 16 ᠤ ᠡᠳᠤᠷ᠂ ᠶᠡᠷᠤᠩᠬᠡᠢ | ᠱᠦᠵᠢ ᠰᠢ ᠶᠢᠨ ᠫᠢᠡᠭ ᠶᠠᠳᠠᠭᠤ ᠬᠦᠴᠢᠷᠳᠡᠯᠲᠠᠢ ᠬᠦᠮᠤᠨ ᠠᠮᠨ ᠶᠢᠨ ᠲᠤᠭ᠎ᠠ ᠶᠢ ᠴᠦᠭᠡᠳᠬᠡᠬᠦ ᠪᠠ ᠬᠦᠭᠵᠢᠯᠲᠡ ᠶᠢᠨ | ᠲᠡᠭᠡᠲᠤ ᠲᠡᠰ ᠤᠨ ᠶᠠᠷᠢᠯᠴᠠᠭᠠᠨ ᠤ ᠲᠠᠪᠴᠡᠩ ᠲᠡᠭᠡᠷ᠎ᠡ ᠠᠩᠬ᠎ᠠ ᠤᠳᠠᠭ᠎ᠠ ︽ᠲᠠᠪᠤᠨ ᠨᠢᠭᠡ ᠪᠦᠯᠤᠭ᠌︾ ᠶᠠᠳᠠᠭᠤ | ᠠᠴᠠ ᠠᠩᠬᠢᠵᠢᠷᠠᠭᠤᠯᠬᠤ ᠠᠷᠭ᠎ᠠ ᠠᠪᠴᠠᠯ ᠢ ᠲᠤᠷᠠᠳᠤᠨ ᠭᠠᠷᠭᠠᠵᠠᠢ᠂ ᠲᠠᠷᠤᠢ ᠦᠢᠯᠡᠳᠪᠤᠷᠢᠯᠡᠯ ᠢ ᠨᠢ ᠬᠦᠭᠵᠢᠭᠦᠯᠬᠦ | ᠪᠠᠷ ᠲᠠᠮᠵᠢᠵᠤ ᠨᠢᠭᠡ ᠪᠦᠯᠤᠭ᠌ ᠬᠦᠮᠤᠰ ᠢ ᠶᠠᠳᠠᠭᠤ ᠠᠴᠠ ᠠᠩᠬᠢᠵᠢᠷᠠᠭᠤᠯᠬᠤ᠂ ᠦᠭᠡᠷ᠎ᠡ ᠭᠠᠵᠠᠷ ᠲᠤ ᠨᠡᠭᠦᠯᠭᠡᠨ | ᠰᠢᠯᠵᠢᠭᠦᠯᠬᠦ ᠪᠠᠷ ᠲᠠᠮᠵᠢᠵᠤ ᠨᠢᠭᠡ ᠪᠦᠯᠤᠭ᠌ ᠬᠦᠮᠤᠰ ᠢ ᠶᠠᠳᠠᠭᠤ ᠠᠴᠠ ᠠᠩᠬᠢᠵᠢᠷᠠᠭᠤᠯᠬᠤ᠂ ᠠᠮᠢ ᠠᠬᠤᠢ ᠶᠢᠨ | ᠨᠦᠬᠦᠪᠤᠷᠢ ᠤᠯᠭᠤᠬᠤ ᠪᠠᠷ ᠲᠠᠮᠵᠢᠵᠤ ᠨᠢᠭᠡ ᠪᠦᠯᠤᠭ᠌ ᠬᠦᠮᠤᠰ ᠢ ᠶᠠᠳᠠᠭᠤ ᠠᠴᠠ ᠠᠩᠬᠢᠵᠢᠷᠠᠭᠤᠯᠬᠤ᠂ ᠰᠤᠷᠭᠠᠨ | ᠬᠦᠮᠤᠵᠢᠯ ᠢ ᠬᠦᠭᠵᠢᠭᠦᠯᠬᠦ ᠪᠠᠷ ᠲᠠᠮᠵᠢᠵᠤ ᠨᠢᠭᠡ ᠪᠦᠯᠤᠭ᠌ ᠬᠦᠮᠤᠰ ᠢ ᠶᠠᠳᠠᠭᠤ ᠠᠴᠠ ᠠᠩᠬᠢᠵᠢᠷᠠᠭᠤᠯᠬᠤ᠂ ᠨᠠᠶᠢᠭᠡᠮ | ᠤᠨ ᠪᠠᠲᠤᠯᠠᠭ᠎ᠠ ᠪᠠᠷ ᠲᠠᠮᠵᠢᠵᠤ ᠨᠢᠭᠡ ᠪᠦᠯᠤᠭ᠌ ᠬᠦᠮᠤᠰ ᠤᠨ ᠠᠮᠢᠳᠤᠷᠠᠯ ᠢ ᠪᠠᠲᠤᠯᠠᠨ᠎ᠠ᠃ | 14. ᠬᠤᠶᠠᠷ ᠵᠦᠢᠯ ᠤᠨ ᠡᠬᠢ ᠰᠤᠷᠪᠤᠯᠵᠢ ᠪᠠ ᠬᠤᠶᠠᠷ ᠵᠠᠬ᠎ᠠ ᠲᠡᠯᠭᠡᠭᠦᠷ —— ᠤᠯᠤᠰ ᠤᠨ | ᠲᠤᠲᠤᠭᠠᠳᠤ ᠶᠢᠨ ᠡᠬᠢ ᠰᠤᠷᠪᠤᠯᠵᠢ ᠪᠠ ᠭᠠᠳᠠᠭᠠᠲᠤ ᠶᠢᠨ ᠡᠬᠢ ᠰᠤᠷᠪᠤᠯᠵᠢ᠂ ᠤᠯᠤᠰ ᠤᠨ ᠲᠤᠲᠤᠭᠠᠳᠤ ᠶᠢᠨ ᠵᠠᠬ᠎ᠠ | ᠲᠡᠯᠭᠡᠭᠦᠷ ᠪᠠ ᠭᠠᠳᠠᠭᠠᠲᠤ ᠶᠢᠨ ᠵᠠᠬ᠎ᠠ ᠲᠡᠯᠭᠡᠭᠦᠷ ᠢ ᠵᠢᠭᠠᠵᠤ ᠪᠠᠶᠢᠨ᠎ᠠ᠃ | 15. ᠪᠦᠬᠦ ᠠᠵᠤ ᠦᠢᠯᠡᠰ ᠤᠨ ᠬᠡᠯᠬᠢᠶᠡᠵᠢᠯ —— ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠤᠯᠭᠠᠵᠤ᠂ ᠠᠵᠤ ᠦᠢᠯᠡᠰ ᠤᠨ ᠬᠡᠯᠬᠢᠶᠡᠵᠢᠯ ᠤᠨ ᠡᠬᠢ ᠢᠷᠠᠯᠲᠠ ᠠᠴᠠ ᠨᠢ ᠡᠬᠢᠯᠡᠨ ᠬᠢᠵᠤ᠂ | ᠲᠠᠷᠢᠬᠤ ᠪᠠ ᠬᠤᠳᠠᠯᠳᠤᠨ ᠠᠪᠬᠤ᠂ ᠠᠷᠠᠯᠵᠢᠶ᠎ᠠ ᠪᠠ ᠪᠤᠳᠠᠰ ᠤᠨ ᠬᠦᠢᠯᠭᠡᠭᠡᠨ᠂ ᠢᠳᠡᠭᠡᠨ ᠪᠠ ᠲᠡᠵᠢᠭᠡᠯ ᠪᠤᠷᠳᠤᠭᠠᠨ | ᠤ ᠲᠦᠬᠦᠬᠡᠢ ᠮᠠᠲ᠋ᠧᠷᠢᠶᠠᠯ ᠡᠳ᠋ᠰᠢᠭᠦᠯᠬᠦ᠂ ᠲᠡᠵᠢᠭᠡᠨ ᠦᠷᠡᠵᠢᠭᠦᠯᠵᠤ ᠠᠯᠠᠵᠤ ᠨᠢᠳᠤᠯᠬᠦ᠂ ᠢᠳᠡᠭᠡᠨ ᠪᠤᠯᠪᠠᠰᠤᠷᠠᠭᠤᠯᠬᠤ᠂ | ᠠᠩᠬᠢᠯᠡᠨ ᠪᠤᠷᠤᠯᠠᠭᠤᠯᠬᠤ ᠪᠠ ᠪᠤᠳᠠᠰ ᠤᠨ ᠭᠦᠢᠯᠭᠡᠭᠡᠨ᠂ ᠨᠡᠷᠡᠲᠤ ᠲᠡᠮᠳᠡᠭ ᠢ ᠤᠬᠠᠭᠤᠯᠤᠨ ᠲᠡᠯᠭᠡᠷᠡᠭᠦᠯᠬᠦ᠂ | ᠢᠳᠡᠭᠡᠨ ᠤ ᠪᠤᠷᠤᠯᠠᠭᠤᠯᠤᠯᠲᠠ ᠵᠡᠷᠭᠡ ᠡᠯ᠎ᠡ ᠶᠠᠪᠤᠴᠠ ᠪᠠᠷ ᠲᠠᠮᠵᠢᠵᠤ᠂ ᠢᠳᠡᠭᠡᠨ ᠤ ᠠᠮᠤᠷ ᠲᠦᠪᠰᠢᠨ ᠳᠤ | ᠮᠦᠷᠳᠡᠯᠲᠡ ᠬᠢᠵᠤ᠂ ᠠᠮᠤᠷ ᠲᠦᠪᠰᠢᠨ᠂ ᠰᠢᠮ᠎ᠡ ᠲᠡᠵᠢᠭᠡᠯ ᠲᠠᠢ ᠮᠦᠷᠲᠡᠭᠡᠨ ᠡᠷᠡᠭᠦᠯ ᠪᠦᠬᠦᠢ ᠢᠳᠡᠭᠡᠨ ᠤ | ᠬᠠᠩᠭᠠᠯᠭ᠎ᠠ ᠶᠢᠨ ᠶᠠᠪᠤᠴᠠ ᠶᠢ ᠪᠠᠶᠢᠭᠤᠯᠤᠨ ᠪᠦᠷᠢᠯᠳᠤᠭᠦᠯᠤᠨᠡ᠃ | 16. ᠦᠨᠳᠤᠰᠤᠨ ᠡᠮ ᠤᠨ ᠵᠦᠢᠯᠡᠰ ᠤᠨ ᠦᠨ᠎ᠡ ᠬᠠᠩᠰᠢ ᠶᠢᠨ ᠵᠦᠷᠢᠶ᠎ᠡ ᠦᠭᠡᠢ ᠨᠤᠷᠮ᠎ᠠ —— | ᠦᠨᠳᠤᠰᠤᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠪᠦᠬᠦ ᠡᠮ ᠤᠨ ᠵᠦᠢᠯᠡᠰ ᠢ | ᠤᠷᠤᠭᠤᠯᠤᠭᠰᠡᠨ ᠦᠨ᠎ᠡ ᠪᠠᠷ ᠨᠢ ᠬᠤᠳᠠᠯᠳᠤᠨ᠎ᠠ᠂ ᠦᠨ᠎ᠡ ᠨᠡᠮᠡᠵᠤ ᠬᠤᠳᠠᠯᠳᠤᠨ ᠠᠰᠢᠭ ᠬᠤᠨᠵᠢᠪᠤᠷᠢ ᠤᠯᠵᠤ | ᠪᠤᠯᠬᠤ ᠦᠭᠡᠢ᠃ | 17. ᠤᠷᠢᠳᠠᠪᠡᠷ ᠦᠨᠡᠮᠯᠡᠯ ᠠᠪᠴᠤ ᠲᠠᠷᠠᠭ᠎ᠠ ᠳᠤᠨᠢ ᠬᠢᠨᠡᠨ ᠵᠦᠪᠰᠢᠶᠡᠷᠡᠭᠦᠯᠬᠦ —— ᠦᠨᠡᠮᠯᠡᠯ | ᠠᠪᠤᠭᠰᠡᠨ ᠤ ᠲᠠᠷᠠᠭ᠎ᠠ ᠬᠢᠨᠡᠨ ᠵᠦᠪᠰᠢᠶᠡᠷᠡᠭᠦᠯᠬᠦ ᠲᠦᠷᠤᠯ ᠵᠦᠢᠯ ᠤᠨ ᠵᠠᠬ᠎ᠠ ᠲᠡᠯᠭᠡᠭᠦᠷ ᠤᠨ ᠭᠤᠤᠯ ᠴᠤᠭᠴᠠ ᠨᠢ | ᠤᠷᠢᠳᠠᠪᠡᠷ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠡᠵᠡᠩᠨᠡᠯᠲᠡ ᠶᠢᠨ ᠦᠨᠡᠮᠯᠡᠯ ᠠᠪᠬᠤ ᠪᠠᠷ | ᠡᠷᠡᠮᠡᠯᠵᠡᠯᠡᠵᠦ᠂ ᠲᠠᠷᠠᠭ᠎ᠠ ᠳᠤᠨᠢ ᠬᠢᠨᠡᠨ ᠵᠦᠪᠰᠢᠶᠡᠷᠡᠬᠦ ᠰᠠᠯᠠᠭ᠎ᠠ ᠮᠦᠴᠢᠷ ᠲᠤ ᠬᠦᠷᠴᠤ ᠬᠢᠨᠡᠨ ᠵᠦᠪᠰᠢᠶᠡᠷᠡᠬᠦ ᠭᠠᠷ | ᠭᠦᠢᠴᠡᠳᠭᠡᠯ ᠢᠶᠠᠨ ᠭᠦᠢᠴᠡᠳᠭᠡᠵᠤ ᠪᠤᠯᠤᠨ᠎ᠠ᠃ | 18. ᠭᠤᠷᠪᠡᠨ ᠦᠨᠡᠮᠯᠡᠯ ᠢ ᠨᠠᠶᠢᠯᠡᠭᠦᠯᠵᠤ ᠨᠢᠭᠡ ᠦᠨᠡᠮᠯᠡᠯ ᠪᠤᠯᠭᠠᠬᠤ —— ᠦᠢᠯᠡᠳᠪᠤᠷᠢ | ᠬᠤᠳᠠᠯᠳᠤᠭᠠᠨ ᠤ ᠦᠨᠡᠮᠯᠡᠯ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠠᠩᠰᠠᠯᠠᠭᠤᠯᠤᠭᠰᠡᠨ | ᠳ᠋ᠤᠭᠠᠷᠯᠠᠯ ᠤᠨ ᠦᠨᠡᠮᠯᠡᠯ ᠪᠠ ᠭᠠᠶᠢᠯᠢ ᠶᠢᠨ ᠶᠠᠪᠤᠳᠠᠯ ᠤᠨ ᠲᠡᠩᠰᠠᠯᠠᠭᠰᠡᠨ ᠦᠨᠡᠮᠯᠡᠯ ᠢ ᠨᠢᠭᠡ ᠦᠨᠡᠮᠯᠡᠯ ᠪᠤᠯᠭᠠᠨ | ᠨᠢᠭᠡᠳᠭᠡᠵᠤ᠂ ᠵᠠᠬ᠎ᠠ ᠲᠡᠯᠭᠡᠭᠦᠷ ᠲᠤ ᠤᠷᠤᠬᠤ ᠶᠢ ᠵᠦᠪᠰᠢᠶᠡᠷᠡᠬᠦ ᠠᠵᠢᠯ ᠤᠨ ᠦᠷ᠎ᠡ ᠪᠦᠲᠤᠮᠵᠢ ᠶᠢ | ᠲᠡᠭᠡᠭᠰᠢᠯᠡᠭᠦᠯᠤᠨ᠎ᠡ᠃ | 19. ᠨᠢᠭᠡ ᠦᠨᠡᠮᠯᠡᠯ ᠨᠢ ᠨᠢᠭᠡ ᠳ᠋ᠤᠭᠠᠷᠯᠠᠯ —— ︽ᠨᠢᠭᠡ ᠰᠠᠯᠠᠭ᠎ᠠ ᠮᠦᠴᠢᠷ ᠠᠴᠠ ᠭᠠᠷᠳᠠᠨ | ᠬᠦᠢᠴᠡᠳᠭᠡᠨ᠂ ᠬᠠᠮᠲᠤ ᠪᠠᠷ ᠬᠢᠨᠡᠨ ᠵᠦᠪᠰᠢᠶᠠᠷᠠᠵᠤ᠂ ᠰᠤᠷᠠᠭ ᠵᠠᠩᠬᠢ ᠢ ᠬᠠᠮᠲᠤᠪᠡᠷ ᠠᠰᠢᠭᠯᠠᠵᠤ ᠬᠡᠷᠡᠭᠯᠡᠨ᠂ | ᠦᠨᠡᠮᠯᠡᠯ ᠢ ᠬᠠᠷᠢᠯᠴᠡᠨ ᠵᠦᠪᠰᠢᠶᠡᠷᠡᠨ ᠬᠡᠷᠡᠭᠯᠡᠬᠦ︾ ᠪᠠᠷ ᠲᠠᠮᠵᠢᠵᠤ᠂ ᠨᠢᠭᠡᠯᠨ ᠰᠠᠯᠠᠭ᠎ᠠ ᠮᠦᠴᠢᠷ ᠠᠴᠠ ᠨᠡᠶᠢᠭᠡᠮ ᠤᠨ | ᠢᠲᠡᠭᠡᠮᠵᠢ ᠶᠢᠨ ᠨᠢᠭᠡᠲᠤᠯᠲᠠᠢ ᠲᠠᠩᠰᠠᠯᠠᠭᠤᠯᠤᠭᠰᠡᠨ ᠳ᠋ᠤᠭᠠᠷᠯᠠᠯ ᠢ ᠲᠡᠮᠳᠡᠭᠯᠡᠵᠤ᠂ ᠡᠵᠡᠩᠨᠡᠯᠲᠡ ᠶᠢᠨ ᠦᠨᠡᠮᠯᠡᠯ | ᠤᠯᠭᠤᠬᠤ ᠶᠢ ᠪᠡᠶᠡᠯᠡᠭᠦᠯᠤᠨ᠎ᠡ᠃ | 20. ᠠᠮᠢᠵᠢᠷᠠᠯ ᠤᠨ ᠬᠦᠴᠤᠨ ᠦᠭᠡᠢ ᠠᠵᠤ ᠠᠬᠤᠶᠢᠯᠡᠯ —— ᠦᠢᠯᠡᠳᠪᠤᠷᠢᠯᠡᠯ ᠢᠶᠠᠨ ᠰᠡᠷᠭᠦᠭᠡᠬᠦ | ᠪᠤᠯᠤᠯᠴᠠᠭ᠎ᠠ ᠪᠠᠨ ᠨᠢᠭᠡᠨᠲᠡ ᠠᠯᠳᠠᠭᠰᠡᠨ ᠪᠤᠯᠪᠠᠴᠤ ᠵᠢᠭᠡᠯᠡᠯᠭᠡ ᠲᠠᠯᠪᠢᠭᠰᠡᠳ ᠪᠤᠶᠤ ᠵᠠᠰᠠᠭ ᠤᠨ ᠤᠷᠳᠤᠨ ᠤ | ᠲᠡᠮᠵᠢᠯᠭᠡ ᠶᠢ ᠤᠯᠤᠭᠰᠡᠨ ᠠᠴᠠ ᠪᠤᠯᠵᠤ ᠲᠠᠮᠫᠤᠷᠠᠬᠤ ᠠᠴᠠ ᠵᠠᠶᠢᠯᠠᠰᠬᠢᠭᠰᠡᠨ ᠦᠷᠢ ᠦᠭᠴᠡᠭᠡᠲᠡᠢ ᠠᠵᠤ ᠠᠬᠤᠶᠢᠯᠡᠯ᠃ | | 21. ppp ᠬᠡᠯᠪᠡᠷᠢ —— public-private-partnership ᠶᠢᠨ ᠲᠦᠭᠦᠮᠴᠢᠯᠡᠯ᠂ | ᠲᠠᠷᠤᠢ ᠠᠯᠪᠡᠨ ᠨᠡᠶᠢᠲᠠ ᠪᠠ ᠬᠤᠪᠢ ᠬᠦᠮᠤᠨ ᠬᠤᠷᠰᠢᠬᠤ ᠬᠡᠯᠪᠡᠷᠢ ᠶᠢ ᠵᠢᠭᠠᠵᠤ ᠪᠠᠶᠢᠨ᠎ᠠ᠂ ᠲᠡᠷᠨ ᠨᠢ ᠤᠯᠡᠨ | ᠨᠡᠶᠢᠲᠡ ᠶᠢᠨ ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠲᠠ ᠶᠢᠨ ᠲᠤᠮᠳᠠ ᠪᠡᠯᠨ ᠮᠦᠩᠭᠦ | ᠬᠤᠷᠠᠮᠳᠤᠭᠤᠯᠬᠤ ᠨᠢᠭᠡ ᠵᠦᠢᠯ ᠤᠨ ᠬᠡᠯᠪᠡᠷᠢ ᠮᠠᠶ᠋ᠢᠭ ᠮᠦᠨ᠃ ᠲᠤᠰ ᠬᠡᠯᠪᠡᠷᠢ ᠨᠢ ᠬᠤᠪᠢ ᠶᠢᠨ ᠡᠵᠡᠩᠨᠡᠯᠲᠡ ᠶᠢᠨ | ᠠᠵᠤ ᠠᠬᠤᠶᠢᠯᠡᠯ ᠪᠠ ᠠᠷᠠᠳ ᠠᠴᠠ ᠡᠵᠡᠩᠨᠡᠭᠰᠡᠨ ᠪᠡᠯᠨ ᠬᠦᠷᠤᠩᠭᠡ ᠶᠢᠨ ᠵᠠᠰᠠᠭ ᠤᠨ ᠤᠷᠳᠤᠨ ᠲᠠᠢ | ᠬᠠᠮᠲᠤᠷᠠᠯᠴᠠᠭ᠎ᠠ ᠬᠢᠵᠤ᠂ ᠤᠯᠡᠨ ᠨᠡᠶᠢᠲᠡ ᠶᠢᠨ ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠲᠠ ᠳᠤ | ᠤᠷᠤᠯᠴᠠᠬᠤ ᠶᠢ ᠵᠤᠷᠢᠭᠵᠢᠭᠤᠯᠤᠨ᠎ᠠ᠃ | 22. ᠨᠢᠭᠡ ᠪᠤᠭᠤᠮᠲᠠ ᠬᠤᠶᠠᠷ ᠪᠠᠶᠢᠴᠠᠭᠠᠯᠲᠠ —— ᠬᠢᠯᠢ ᠶᠢᠨ ᠪᠤᠭᠤᠮᠲᠠ᠂ ᠬᠢᠯᠢ ᠶᠢᠨ | ᠪᠠᠶᠢᠴᠠᠭᠠᠯᠲᠠ ᠶᠢᠨ ᠦᠷᠲᠡᠭᠡ ᠪᠠ ᠬᠢᠵᠢᠭ ᠤᠨ ᠪᠠᠶᠢᠴᠠᠭᠠᠯᠲᠠ ᠶᠢᠨ ᠲᠤᠪᠴᠢᠶ᠎ᠠ᠃ | 23. ᠭᠠᠶᠢᠯᠢ ᠶᠢᠨ ᠪᠠᠲᠤᠯᠠᠭ᠎ᠠ ᠪᠦᠬᠦᠢ ᠪᠤᠳᠠᠰ ᠤᠨ ᠭᠦᠢᠯᠭᠡᠭᠡᠨ ᠤ ᠲᠦᠪ ︵b ᠬᠡᠯᠪᠡᠷᠢ︶ —— | ᠬᠢᠯᠢ ᠶᠢᠨ ᠪᠤᠭᠤᠮᠲᠠ ᠶᠢᠨ ᠵᠦᠪᠰᠢᠶᠠᠷᠠᠯ ᠢᠶᠠᠷ ᠤᠯᠤᠰ ᠤᠨ ᠬᠢᠯᠢ ᠲᠤᠲᠤᠷᠠᠬᠢ ᠨᠢᠭᠡ ᠠᠵᠤ ᠠᠬᠤᠶᠢᠯᠡᠯ ᠤᠨ ᠬᠠᠤᠯᠢ | ᠶᠢᠨ ᠡᠷᠬᠡᠲᠡᠨ ᠠᠴᠠ ᠡᠵᠡᠩᠨᠡᠵᠤ᠂ ᠪᠤᠰᠤᠳ ᠤᠯᠡᠨ ᠠᠵᠤ ᠠᠬᠤᠶᠢᠯᠡᠯ ᠤᠷᠤᠵᠤ ᠰᠠᠭᠤᠷᠢᠰᠢᠨ᠂ ᠭᠠᠶᠢᠯᠢ ᠶᠢᠨ | ᠪᠠᠲᠤᠯᠠᠭ᠎ᠠ᠂ ᠬᠦᠮᠤᠷᠭᠡᠯᠡᠨ ᠬᠠᠳᠠᠭᠠᠯᠠᠬᠤ᠂ ᠪᠤᠳᠠᠰ ᠤᠨ ᠭᠦᠢᠯᠭᠡᠭᠡᠨ ᠵᠡᠷᠭᠡ ᠠᠵᠢᠯ ᠢ ᠡᠷᠬᠢᠯᠡᠨ ᠬᠢᠵᠤ ᠪᠠᠶᠢᠭ᠎ᠠ | ᠪᠤᠭᠤᠮᠲᠠ ᠶᠢᠨ ᠬᠢᠨᠡᠨ ᠬᠠᠮᠢᠶᠠᠷᠤᠯᠲᠠ ᠶᠢᠨ ᠲᠠᠯᠠᠪᠤᠷ ᠢ ᠵᠢᠭᠠᠵᠤ ᠪᠠᠶᠢᠨ᠎ᠠ᠃ | 24. ᠬᠤᠯᠪᠤᠭᠠᠯᠠᠨ ᠡᠮᠴᠢᠯᠡᠬᠦ ᠴᠤᠭᠴᠠ —— ᠤᠷᠤᠨ ᠪᠦᠰᠡ ᠶᠢᠨ ᠬᠤᠯᠪᠤᠭᠠᠯᠠᠨ ᠡᠮᠴᠢᠯᠡᠬᠦ ᠡᠮᠨᠡᠯᠭᠡ | ᠶᠢᠨ ᠬᠤᠯᠪᠤᠭᠠᠲᠤ ᠴᠤᠭᠴᠠ ᠶᠢ ᠵᠢᠭᠠᠵᠤ ᠪᠠᠶᠢᠨ᠎ᠠ᠂ ᠨᠢᠭᠡ ᠤᠷᠤᠨ ᠪᠦᠰᠡ ᠶᠢᠨ ᠲᠤᠲᠤᠷᠠᠬᠢ ᠡᠮ ᠡᠮᠨᠡᠯᠭᠡ ᠶᠢᠨ | ᠡᠬᠢ ᠰᠤᠷᠪᠤᠯᠵᠢ ᠶᠢ ᠨᠢᠭᠡᠳᠤᠭᠦᠯᠵᠤ᠂ ᠶᠡᠷᠤᠳᠡ ᠶᠢᠨ ᠪᠠᠶᠢᠳᠠᠯ ᠲᠤᠤᠷ᠎ᠠ ᠨᠢᠭᠡ ᠤᠷᠤᠨ ᠪᠦᠰᠡ ᠶᠢᠨ ᠲᠤᠲᠤᠷᠠᠬᠢ | ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ᠪᠠ ᠬᠤᠶᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ᠂ ᠨᠡᠶᠢᠭᠡᠮ | ᠲᠤᠭᠤᠷᠢᠭ ᠤᠨ ᠡᠮᠨᠡᠯᠭᠡ ᠶᠢᠨ ᠬᠤᠷᠢᠶ᠎ᠠ᠂ ᠲᠤᠰᠬᠤᠨ ᠤ ᠡᠮᠨᠡᠯᠭᠡ ᠶᠢᠨ ᠬᠤᠷᠢᠶ᠎ᠠ ᠪᠠᠷ ᠪᠦᠷᠢᠯᠳᠤᠨ᠎ᠡ᠃ | 25. ᠭᠠᠯ ᠲᠤᠭᠤᠭᠠᠨ ᠤ ᠦᠷᠤᠭᠡ ᠶᠢ ᠴᠡᠪᠡᠷ ᠲᠤᠬᠢᠯᠢᠭ ᠪᠠᠶᠢᠯᠭᠠᠬᠤ —— ᠢᠯᠨ ᠦᠵᠡᠭᠳᠡᠬᠦ | ᠲᠤᠭᠤᠭᠠᠨ ᠭᠡᠷ ᠪᠠ ᠸᠢᠳᠢᠤ᠋ ᠤᠭᠰᠠᠷᠠᠭᠰᠡᠨ ᠲᠤᠭᠤᠭᠠᠨ ᠭᠡᠷ ᠢ ᠪᠠᠶᠢᠭᠤᠯᠬᠤ ᠪᠠᠷ ᠲᠠᠮᠵᠢᠵᠤ᠂ ᠬᠡᠷᠡᠭᠯᠡᠭᠴᠢᠳ ᠲᠤ | ᠬᠤᠭᠤᠯᠨ ᠵᠠᠭᠤᠰᠢ ᠪᠡᠯᠡᠳᠭᠡᠵᠤ ᠪᠤᠯᠭᠤᠬᠤ᠂ ᠬᠦᠢᠲᠡᠨ ᠵᠠᠭᠤᠰᠢ ᠪᠠ ᠲᠦᠬᠦᠭᠡᠢ ᠢᠳᠡᠭᠡᠨ ᠬᠢᠬᠦ᠂ ᠠᠶᠠᠭ᠎ᠠ | ᠲᠤᠭᠤᠭ᠎ᠠ ᠪᠠᠨ ᠠᠷᠢᠭᠤᠳᠬᠠᠬᠤ ᠵᠡᠷᠭᠡ ᠪᠦᠬᠦ ᠶᠠᠪᠤᠴᠠ ᠶᠢ ᠦᠵᠡᠭᠦᠯᠦᠨ᠎ᠡ᠃ | 26. ᠭᠤᠷᠪᠡ ᠶᠢ ᠨᠤᠷᠠᠭᠠᠬᠤ᠂ ᠭᠤᠷᠪᠡ ᠶᠢ ᠴᠡᠪᠡᠷᠯᠡᠬᠦ᠂ ᠭᠤᠷᠪᠡ ᠶᠢ ᠦᠭᠡᠷᠡᠴᠢᠯᠡᠬᠦ᠂ ᠲᠦᠷᠪᠡᠵᠢᠭᠦᠯᠲᠡ | ᠬᠢᠬᠦ —— ᠠᠶᠤᠯᠲᠠᠢ ᠭᠡᠷ ᠪᠠᠶᠢᠰᠢᠩ᠂ ᠨᠤᠷᠠᠩᠬᠠᠢ ᠬᠡᠷᠡᠮ ᠬᠠᠨ᠎ᠠ᠂ ᠡᠪᠳᠡᠷᠬᠡᠢ ᠬᠠᠰᠢᠶ᠎ᠠ ᠰᠠᠷᠠᠪᠴᠢ ᠶᠢ | ᠨᠣᠷᠠᠭᠠᠬᠤ᠂ ᠬᠤᠭ ᠨᠤᠪᠰᠢ ᠶᠢ ᠴᠡᠪᠡᠷᠯᠡᠬᠦ᠂ ᠬᠡᠷᠡᠭᠴᠡᠭᠡᠨ ᠠᠴᠠ ᠭᠠᠷᠤᠭᠰᠡᠨ ᠬᠠᠶᠠᠭᠳᠠᠮᠠᠯ ᠪᠤᠳᠠᠰ ᠢ ᠴᠡᠪᠡᠷᠯᠡᠬᠦ᠂ | ᠲᠦᠯᠡᠭᠡ ᠲᠦᠯᠡᠰᠢ ᠢᠯᠭᠠᠳᠠᠰᠤ ᠨᠤᠪᠰᠢ ᠶᠢ ᠴᠡᠪᠡᠷᠯᠡᠬᠦ᠂ ᠬᠦᠷᠢᠶ᠎ᠡ ᠬᠠᠰᠢᠶ᠎ᠠ᠂ ᠵᠤᠷᠯᠤᠩ᠂ ᠫᠸᠡᠭ ᠬᠤᠷᠤᠭ᠎ᠠ ᠪᠠᠨ | ᠵᠠᠰᠠᠵᠤ ᠦᠭᠡᠷᠡᠴᠢᠯᠡᠬᠦ᠂ ᠨᠤᠭᠤᠭᠠᠷᠠᠭᠤᠯᠤᠯᠲᠠ᠂ ᠭᠡᠭᠡᠷᠡᠭᠦᠯᠤᠯᠲᠠ᠂ ᠭᠤᠶᠤᠵᠢᠭᠤᠯᠤᠯᠲᠠ᠂ ᠬᠠᠲᠠᠷᠠᠭᠤᠯᠤᠯᠲᠠ ᠬᠢᠬᠦ᠃ | |