ᠪᠠᠷᠠᠭᠤᠨ ᠦᠵᠣᠮᠣᠴᠢᠨ ᠬᠤᠰᠢᠭᠤᠨ ᠤ 2015 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2016/8/31
                                                                                         —   2016 ᠣᠨ ᠤ 3 ᠰᠠᠷ᠎ᠠ ᠶᠢᠨ 2᠎ ᠤ ᠡᠳᠣᠷ ᠪᠠᠷᠠᠭᠤᠨ ᠦᠵᠣᠮᠣᠴᠢᠨ ᠬᠤᠰᠢᠭᠤᠨ ᠤ ᠠᠷᠪᠠᠨ ᠲᠦᠷᠪᠡᠳᠣᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠬᠡᠷ ᠣᠳᠠᠭᠠᠨ ᠤ ᠬᠤᠷᠠᠯᠳᠣᠭᠠᠨ ᠳᠡᠬᠡᠷ᠎ᠡ     ᠪᠠᠷᠠᠭᠤᠨ ᠦᠵᠣᠮᠣᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠠᠷᠤᠭ᠎ᠠ                                                                    ᠴᠢᠯᠠᠭᠤ ᠳᠦᠯᠦᠬᠡᠯᠡᠭᠴᠢᠳ ᠡ᠄     ᠣᠳᠣ ᠪᠢ ᠪᠠᠷᠠᠭᠤᠨ ᠦᠵᠣᠮᠣᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠵᠣ᠂ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠃ ᠲᠠ ᠪᠦᠬᠦᠨ ᠬᠢᠨᠠᠨ ᠵᠦᠪᠯᠡᠬᠦ ᠪᠣᠯᠪᠠᠤ᠃ ᠲᠡᠷᠡᠴᠢᠯᠡᠨ ᠤᠯᠤᠰ ᠲᠥᠷᠦ ᠶᠢᠨ ᠵᠦᠪᠯᠡᠯᠭᠡᠨ ᠤ ᠬᠡᠰᠢᠬᠦᠳ ᠪᠣᠯᠣᠨ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃     ᠨᠢᠬᠡ᠂ ︽ᠠᠷᠪᠠᠨ ᠬᠤᠶᠠᠳᠤᠭᠠᠷ ᠲᠠᠪᠤᠨ ᠵᠢᠯ︾᠎ ᠎ ᠤᠨ ᠲᠦᠯᠦᠪᠵᠢᠭᠦᠯᠭᠡ ᠶᠢᠨ ᠬᠤᠭᠤᠴᠠᠭ᠎ᠠ ᠪᠤᠯᠤᠨ 2015 ᠣᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠷᠭᠢᠴᠡᠭᠦᠯᠣᠯ       ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠬᠤᠰᠢᠭᠤᠨ ᠤ ᠬᠦᠭᠵᠢᠯᠳᠡ ᠶᠢᠨ ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠬᠤᠭᠤᠴᠠᠭ᠎ᠠ ᠪᠣᠯᠤᠨ᠎ᠠ᠃ ᠲᠠᠪᠣᠨ ᠵᠢᠯ ᠤᠨ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠣᠳᠤᠯᠢᠶᠠᠨᠲᠠᠢ ᠪᠦᠭᠡᠳ ᠬᠠᠳᠠᠭᠤ ᠴᠢᠩᠭ᠎ᠠ ᠠᠵᠤ ᠠᠬᠤᠢ ᠶᠢᠨ ᠪᠠᠶᠢᠳᠠᠯ ᠪᠣᠯᠣᠨ ᠬᠦᠴᠢᠷ ᠪᠡᠷᠬᠡᠰᠢᠶᠡᠯᠲᠠᠢ ᠦᠭᠡᠷᠡᠴᠢᠯᠡᠯᠳᠡ ᠬᠦᠭᠵᠢᠯᠳᠡ ᠶᠢ ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠠ᠂ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠪᠣᠯᠣᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠎ ᠶᠢᠨ ᠬᠤᠷᠢᠶ᠎ᠠ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠡᠯᠬᠡᠨ ᠤ ᠲᠡᠮᠵᠢᠯᠬᠡ ᠲᠣᠣᠷ᠎ᠠ᠂ ᠬᠤᠰᠢᠭᠤ ᠵᠠᠰᠠᠭ ᠤᠨ ᠤᠷᠳᠤᠨ ᠨᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠳᠤ ᠲᠥᠰᠢᠭᠯᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠪᠣᠯᠤᠨ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ ᠦᠪᠡᠷᠳᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ︽8337︾ ᠬᠦᠭᠵᠢᠯᠳᠡ ᠶᠢᠨ ᠰᠡᠳᠭᠢᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︽ᠠᠷᠪᠠᠨ ᠨᠡᠩ ᠰᠠᠶᠢᠨ︾᠂ ︽ᠵᠢᠷᠭᠤᠭᠠᠨ ᠲᠠᠭᠠᠨ ᠤᠷᠤᠭᠰᠢᠯᠠᠬᠤ︾ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠬᠤᠰᠢᠭᠤ ᠨᠠᠮ ᠤᠨ ᠬᠤᠷᠢᠶᠠᠨ ᠤ ︽ᠭᠤᠷᠪᠠ ᠶᠢ ᠪᠠᠷᠢᠮᠳᠠᠯᠠᠬᠤ᠂ ᠭᠤᠷᠪᠠ ᠶᠢ ᠪᠦᠳᠣᠬᠡᠨ ᠪᠠᠶᠢᠭᠤᠯᠬᠤ︾ ᠠᠵᠢᠯ ᠤᠨ ᠰᠡᠳᠬᠢᠴᠠ ᠶᠢ ᠬᠦᠨᠵᠡᠬᠡᠢ ᠳᠦᠯᠬᠢᠨ ᠠᠬᠢᠭᠤᠯᠤᠭᠰᠠᠨ ᠠᠴᠠ ᠪᠦᠬᠦ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠳᠤ ᠬᠦᠴᠦᠨ᠂ ᠠᠵᠤ ᠦᠢᠯᠡᠰ ᠤᠨ ᠬᠦᠭᠵᠢᠯᠳᠡ ᠶᠢᠨ ᠲᠡᠰ ᠳᠠᠪᠬᠤᠷᠭ᠎ᠠ᠂ ᠬᠤᠲᠠ ᠬᠥᠳᠡᠭᠡ ᠶᠢᠨ ᠬᠦᠭᠵᠢᠯᠳᠡ ᠶᠢᠨ ᠳᠦᠷᠢ ᠳᠦᠷᠬᠦ᠂ ᠬᠦᠭᠵᠢᠯᠳᠡ ᠶᠢᠨ ᠪᠠᠲᠤᠯᠠᠭ᠎ᠠ ᠶᠢᠨ ᠴᠢᠳᠠᠪᠤᠷᠢ ᠪᠠ ᠠᠷᠠᠳ ᠤᠨ ᠠᠮᠢᠳᠤᠷᠠᠯ ᠤᠨ ᠬᠢᠷᠢ ᠲᠥᠪᠰᠢᠨ ᠴᠦᠮ ᠰᠢᠨ᠎ᠡ ᠨᠢᠭᠡᠨ ᠱᠠᠳᠤᠨ ᠳᠤ ᠬᠦᠷᠴᠦ᠂ ︽ᠠᠷᠪᠠᠨ ᠬᠤᠶᠠᠳᠤᠭᠠᠷ ᠳᠠᠪᠤᠨ ᠵᠢᠯ︾᠎ ᠤᠨ ᠳᠦᠯᠦᠪᠵᠢᠬᠦᠯᠬᠡ ᠪᠠᠨ ᠳᠡᠬᠦᠰ ᠠᠮᠵᠢᠯᠳᠠᠳᠠᠢ ᠪᠡᠶᠡᠯᠡᠬᠦᠯᠦᠨ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠴᠣ ᠰᠢᠨ᠎ᠡ ᠪᠠᠶᠢᠳᠠᠯ ᠢ ᠨᠡᠭᠡᠭᠡᠪᠡ᠃     — ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠳᠤ ᠬᠦᠴᠦᠨ ᠢᠯᠡᠳᠳᠡ ᠴᠢᠩᠭᠠᠷᠠᠪᠡ᠃ ᠳᠠᠪᠤᠨ ᠵᠢᠯ ᠤᠨ ᠳᠤᠷᠰᠢ᠂  ᠬᠦᠭᠵᠢᠯᠳᠡ ᠶᠢ ᠰᠦᠪᠡᠭᠴᠢᠯᠡᠬᠦ᠂ ᠬᠡᠯᠪᠡᠷᠢ ᠶᠢᠨ ᠬᠤᠪᠢᠷᠠᠭᠤᠯᠤᠯᠳᠠ ᠶᠢ ᠠᠳᠬᠤᠬᠤ  ᠎ ᠶᠢ ᠭᠤᠶᠢᠪᠢᠰᠢ ᠦᠬᠡᠢ ᠪᠠᠷᠢᠮᠳᠠᠯᠠᠵᠦ᠂ ᠬᠦᠭᠵᠢᠯᠳᠡ ᠶᠢᠨ ᠶᠠᠪᠤᠴᠠ ᠳᠤᠮᠳᠠᠬᠢ ᠴᠢᠬᠤᠯᠠ ᠶᠡᠭᠡ ᠰᠢᠪᠳᠤᠯᠤᠯᠳᠠ ᠶᠢ ᠪᠡᠶᠡᠯᠡᠬᠦᠯᠤᠨ᠂ ᠪᠠᠷᠠᠭᠤᠨ ᠦᠵᠦᠮᠦᠴᠢᠨ ᠬᠤᠰᠢᠭᠤᠨ ᠤ ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ 2015 ᠤᠨ ᠪᠤᠯᠬᠤ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠤᠷᠢᠯᠡᠯ ᠤᠨ ᠶᠡᠷᠤᠩᠬᠡᠢ ᠦᠷᠳᠡᠭ 2010 ᠤᠨ ᠠᠴᠠ 34.2%᠎ ᠢᠶᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 6.1%᠎ ᠪᠠᠷ ᠨᠡᠮᠡᠭᠳᠡᠵᠠᠢ᠃  ᠪᠦᠬᠦ ᠬᠤᠰᠢᠭᠤᠨ ᠤ ᠭᠠᠵᠠᠷ ᠤᠷᠤᠨ ᠤ ᠡᠳ᠋ ᠤᠨ ᠵᠠᠰᠠᠭ ᠤᠨ ᠶᠡᠷᠣᠩᠬᠡᠢ ᠣᠷᠣᠯᠭ᠎ᠠ 2010 ᠤᠨ ᠠᠴᠠ 90 %᠎ ᠪᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 11.5 %᠎ ᠪᠠᠷ ᠨᠡᠮᠡᠭᠳᠡᠪᠡ᠃ ᠡᠬᠦᠨ ᠳᠤ᠂ ᠤᠯᠠᠨ ᠨᠡᠶᠢᠳᠡ ᠶᠢᠨ ᠡᠳ᠋ ᠎ ᠤᠨ ᠵᠠᠰᠠᠭ ᠤᠨ ᠳᠦᠰᠦᠪᠯᠡᠨ ᠪᠤᠳᠤᠯᠳᠠ ᠶᠢᠨ ᠤᠷᠤᠯᠭ᠎ᠠ 2010 ᠤᠨ ᠠᠴᠠ 58%᠎ ᠪᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 9.6 %᠎ ᠪᠠᠷ ᠨᠡᠮᠡᠭᠳᠡᠪᠡ᠃ ︽ᠠᠷᠪᠠᠨ ᠬᠤᠶᠠᠳᠤᠭᠠᠷ ᠳᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠳᠠ ᠨᠢ ︽ᠠᠷᠪᠠᠨ ᠨᠢᠬᠡᠳᠦᠬᠡᠷ ᠳᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠠᠴᠠ ᠪᠠᠨ 22.4%᠎ ᠪᠠᠷ ᠨᠡᠮᠡᠭᠳᠡᠵᠠᠢ᠃ ᠠᠵᠤ ᠠᠬᠤᠢ ᠶᠢᠨ ᠪᠠᠭᠤᠷᠠᠯ ᠤᠨ ᠲᠠᠷᠣᠯᠳᠠ ᠶᠢᠨ ᠳᠣᠣᠷ᠎ᠠ ᠰᠢᠨ᠎ᠠ ᠶᠢ ᠡᠭᠦᠳᠴᠤ᠂ ᠲᠣᠬᠢᠷᠠᠭᠤᠯᠭ᠎ᠠ ᠡᠵᠡᠮᠰᠢᠯ ᠤᠨ ᠠᠷᠭ᠎ᠠ ᠠᠪᠴᠢᠯ ᠢᠶᠠᠷ ᠳᠠᠮᠵᠢᠨ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠵᠤ᠂ ᠰᠢᠨ᠎ᠡ ᠬᠡᠪ ᠪᠠᠶᠢᠳᠠᠯ ᠳᠣᠣᠷᠠᠬᠢ ᠰᠢᠨ᠎ᠡ ᠬᠦᠭᠵᠢᠯᠳᠡ ᠶᠢ ᠪᠡᠶᠡᠯᠡᠭᠦᠯᠪᠡ᠃     — ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠭᠦ ᠶᠢ ᠳᠤᠭᠳᠠᠭᠤᠨ ᠢᠶᠠᠷ ᠠᠬᠢᠭᠤᠯᠪᠠ᠃  ᠬᠦᠭᠵᠢᠯᠳᠡ ᠎ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ᠂  ᠪᠦᠳᠦᠴᠡ ᠪᠠᠨ ᠳᠤᠬᠢᠷᠠᠭᠤᠯᠵᠦ᠂ ᠠᠵᠤ ᠠᠬᠤᠢ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠬᠡᠭᠰᠢᠯᠡᠬᠦᠯᠦᠭᠰᠡᠨ ᠠᠴᠠ ᠭᠤᠷᠪᠠᠨ ᠠᠵᠤ ᠦᠢᠯᠡᠰ ᠤᠨ ᠪᠦᠳᠦᠴᠡ 2010 ᠣᠨ ᠎ ᠤ 9᠄ 81᠄ 10᠎ ᠠᠴᠠ ᠪᠠᠨ 13.4᠄ 72.4᠄ 14.2  ᠪᠤᠯᠵᠦ᠂  ᠨᠢᠬᠡᠳᠦᠬᠡᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠡᠵᠡᠯᠡᠬᠦᠨ ᠨᠢ ᠳᠡᠬᠡᠭᠰᠢᠯᠡᠵᠦ᠂  ᠬᠤᠶᠠᠳᠤᠭᠠᠷ ᠠᠵᠤ ᠦᠢᠯᠡᠰ ᠤᠨ ᠡᠵᠡᠯᠡᠬᠦᠨ ᠎ ᠨᠢ ᠪᠠᠭᠤᠷᠠᠨ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠨᠢ ᠵᠢᠯ ᠳᠠᠷᠠᠭᠠᠯᠠᠨ ᠨᠡᠮᠡᠭᠳᠡᠵᠦ᠂ ᠠᠵᠤ ᠦᠢᠯᠡᠰ ᠤᠨ ᠳᠤᠬᠢᠷᠠᠭᠤᠯᠭ᠎ᠠ ᠨᠢ ᠪᠤᠳᠠᠳᠤ ᠦᠷ᠎ᠡ ᠪᠦᠳᠦᠮᠵᠢ ᠤᠯᠪᠠ᠃ ᠠᠵᠤ ᠦᠢᠯᠡᠳᠪᠤᠷᠢᠵᠢᠯᠳᠡ ᠶᠢᠨ ᠰᠡᠳᠬᠢᠴᠡ ᠠᠴᠠ ᠮᠠᠯ ᠠᠵᠤ ᠠᠬᠤᠢ ᠶᠢᠨ ᠦᠢᠯᠡᠰ ᠤᠨ ᠬᠦᠭᠵᠢᠯᠳᠡ ᠳᠤ ᠠᠷᠭ᠎ᠠ ᠰᠦᠪᠡᠭᠴᠢᠯᠡᠵᠦ᠂ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠠᠬᠢᠴᠠ ᠶᠢ ᠳᠦᠷᠬᠡᠳᠬᠡᠪᠡ᠃  ᠡᠯ᠎ᠡ ᠵᠦᠢᠯ ᠤᠨ ᠠᠷᠠᠳ ᠲᠤ ᠠᠰᠢᠭ ᠬᠦᠷᠳᠡᠬᠡᠬᠦ ᠳᠦᠷᠦ ᠶᠢᠨ ᠪᠤᠳᠤᠯᠭ᠎ᠠ ᠶᠢ ᠳᠠᠰᠤᠷᠠᠯᠳᠠ ᠦᠬᠡᠢ ᠳᠡᠬᠦᠯᠳᠡᠷᠵᠢᠬᠦᠯᠵᠦ᠂ ᠳᠠᠪᠤᠨ ᠵᠢᠯ ᠤᠨ ᠳᠤᠷᠰᠢ ᠨᠡᠶᠢᠳᠡ 11.8 ᠳ᠋ᠦᠩᠰᠢᠭᠤᠷ ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ᠂ ᠮᠠᠯᠴᠢᠳ ᠤᠨ ᠦᠢᠯᠡᠳᠪᠤᠷᠢᠯᠡᠯ ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠳᠤ ᠵᠢᠯᠤᠭᠤᠳᠤᠮᠵᠢ ᠬᠠᠩᠭᠠᠨ᠂ ᠮᠠᠯ ᠰᠦᠷᠦᠭ ᠤᠨ ᠪᠦᠳᠦᠴᠡ ᠶᠢ ᠰᠢᠯᠢᠳᠡᠭᠵᠢᠬᠦᠯᠪᠡ᠃  ᠵᠢᠯ ᠤᠨ ᠡᠴᠦᠰ ᠤᠨ ᠮᠠᠯ ᠤᠨ ᠳᠤᠭ᠎ᠠ ᠳᠤᠯᠤᠭᠠᠢ ᠶᠢ 100 ᠳᠦᠮᠡ ᠶᠢᠨ ᠳᠤᠳᠤᠷ᠎ᠠ ᠳᠤᠭᠳᠠᠪᠤᠷᠢᠵᠢᠭᠤᠯᠵᠦ᠂ 2015 ᠤᠨ ᠳᠤ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠦᠷᠳᠡᠭ 25.4 ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ ᠮᠠᠯᠴᠢᠳ ᠤᠨ ᠦᠪᠡᠷᠳᠡᠬᠡᠨ ᠵᠤᠬᠢᠶᠠᠨ ᠪᠠᠶᠢᠭᠤᠯᠤᠭᠰᠠᠨ ᠮᠠᠯᠵᠢᠬᠤ ᠤᠷᠤᠨ ᠤ ᠠᠵᠤ ᠠᠬᠤᠢ ᠶᠢᠨ ᠬᠤᠷᠰᠢᠶᠠᠵᠢᠯ 439᠎ ᠳᠤ ᠬᠦᠷᠴᠦ᠂ 3827 ᠡᠷᠦᠬᠡ ᠶᠢᠨ 6968 ᠬᠦᠮᠦᠨ ᠢ ᠬᠠᠮᠦᠷᠴᠦ᠂ ᠮᠠᠯᠵᠢᠬᠤ ᠤᠷᠤᠨ ᠤ ᠵᠤᠬᠢᠶᠠᠨ ᠪᠠᠶᠢᠭᠤᠯᠤᠯᠳᠠ ᠶᠢᠨ ᠳᠦᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠪᠡ᠃ ᠠᠵᠤ ᠦᠢᠯᠡᠳᠪᠤᠷᠢ ᠨᠢ ᠦᠷᠬᠦᠯᠵᠢᠯᠡᠨ ᠪᠦᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ᠂ ᠡᠳ᠋ ᠤᠨ ᠵᠠᠰᠠᠭ ᠤᠨ ᠨᠡᠮᠡᠭᠳᠡᠯ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠵᠠᠩᠬᠢᠯᠠᠭ᠎ᠠ ᠪᠤᠯᠵᠦ᠂ ᠤᠷᠢᠳ ᠬᠤᠵᠢᠳ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ᠂ ᠬᠤᠸᠠ ᠳ᠋ᠢᠶᠠᠨ ᠪᠦᠯᠦᠭᠯᠡᠯ᠂ ᠳ᠋ᠠ ᠳᠠᠩ ᠪᠦᠯᠦᠭᠯᠡᠯ᠂ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ᠂ ᠬᠤᠸᠠ ᠷᠦᠨ ᠪᠦᠯᠦᠭᠯᠡᠯ᠂ ᠵᠢᠩ ᠨᠧᠩ ᠪᠦᠯᠦᠭᠯᠡᠯ᠂ ᠲᠢᠶᠧ ᠮᠸᠡᠢ ᠪᠦᠯᠦᠭᠯᠡᠯ᠂ ᠵᠧᠩᠵᠸᠤ ᠶᠢᠨ ᠨᠡᠬᠦᠷᠡᠰᠦᠨ ᠤ ᠠᠵᠤ ᠦᠢᠯᠡᠳᠪᠦᠷᠢ ᠶᠢᠨ ᠪᠦᠯᠦᠭᠯᠡᠯ᠂ ᠰᠢᠩ ᠶᠸᠢ ᠪᠥᠯᠦᠭᠯᠡᠯ᠂ ᠶᠢᠨ ᠲᠠᠢ ᠪᠦᠯᠦᠭᠯᠡᠯ ᠵᠡᠷᠭᠡ ᠨᠢᠭᠡ ᠪᠥᠯᠦᠭ ᠠᠵᠤ ᠠᠬᠤᠶᠢᠯᠠᠯ ᠨᠢ ᠮᠠᠨ ᠤ ᠬᠤᠰᠢᠭᠤᠨ ᠤ ᠨᠡᠬᠦᠷᠡᠰᠤ᠂ ᠴᠠᠬᠢᠯᠭᠠᠨ ᠬᠦᠴᠦᠨ᠂ ᠦᠩᠬᠡᠳᠤ ᠳᠡᠮᠦᠷᠯᠢᠭ ᠢ ᠰᠤᠩᠭᠤᠨ ᠪᠤᠯᠪᠠᠰᠤᠷᠠᠭᠤᠯᠬᠤ᠂ ᠰᠢᠨ᠎ᠡ ᠡᠨᠧᠷᠬᠢ᠂ ᠤᠯᠠᠭᠠᠨ ᠢᠳᠡᠬᠡᠨ ᠢ ᠪᠤᠯᠪᠠᠰᠤᠷᠠᠭᠤᠯᠬᠤ ᠵᠡᠷᠬᠡ ᠤᠯᠠᠨ ᠬᠦᠷᠢᠶ᠎ᠡ ᠬᠡᠪᠴᠢᠶᠡᠨ ᠳᠤ ᠪᠡᠯᠡ ᠤᠷᠤᠭᠤᠯᠤᠨ ᠪᠦᠳᠦᠬᠡᠨ ᠪᠠᠶᠢᠭᠤᠯᠤᠭᠰᠠᠨ ᠪᠤᠶᠤ ᠰᠢᠨ᠎ᠡ ᠳᠦᠷᠦᠯ ᠵᠦᠢᠯ ᠢ ᠪᠠᠶᠢᠭᠤᠯᠬᠤ ᠪᠠᠷ ᠳᠦᠯᠤᠪᠯᠡᠵᠦ᠂ ᠮᠠᠨ ᠤ ᠬᠤᠰᠢᠭᠤᠨ ᠤ ᠠᠵᠤ ᠦᠢᠯᠡᠳᠪᠤᠷᠢ ᠶᠢᠨ ᠠᠵᠤ ᠠᠬᠤᠢ ᠶᠢᠨ ᠬᠤᠶᠢᠰᠢᠳᠡ ᠶᠢᠨ ᠬᠦᠭᠵᠢᠯᠳᠡ ᠎ ᠳᠤ ᠨᠦᠬᠡᠴᠡ ᠬᠦᠴᠦᠨ ᠬᠠᠩᠭᠠᠭᠰᠠᠨ ᠪᠠᠶᠢᠨ᠎ᠠ᠃ ᠪᠦᠬᠦ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ 29 ᠡᠷᠦᠬᠡ ᠳᠤ ᠬᠦᠷᠴᠦ᠂ ᠡᠭᠦᠨ ᠳᠤ 13 ᠡᠷᠦᠬᠡ ᠶᠢᠨ ᠦᠢᠯᠡᠳᠪᠦᠷᠢᠯᠡᠯ ᠤᠨ ᠥᠷᠲᠡᠭ ᠨᠢ ᠳ᠋ᠥᠩᠰᠢᠭᠤᠷ ᠲᠥᠬᠦᠷᠢᠭ ᠢ ᠳᠠᠪᠠᠵᠤ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ  ᠨᠡᠮᠡᠭᠳᠡᠯ ᠦᠷᠳᠡᠭ ᠵᠢᠯ ᠪᠦᠷᠢ ᠲᠣᠮᠳᠠᠴᠢ ᠪᠠᠷ 3.4%᠎ ᠪᠠᠷ ᠦᠰᠪᠡ᠃ ᠰᠤᠶᠤᠯ ᠵᠢᠭᠤᠯᠴᠢᠯᠠᠯ ᠤᠨ ᠠᠵᠤ ᠦᠢᠯᠡᠰ ᠴᠡᠴᠡᠭᠯᠡᠨ ᠬᠦᠭᠵᠢᠵᠦ᠂ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠪᠠᠶᠠᠰᠤᠨ ᠵᠤᠭᠠᠴᠠᠬᠤ ᠳᠠᠷᠬᠠᠨ ᠣᠷᠤᠨ ︾ ᠬᠡᠮᠡᠬᠦ ᠬᠥᠭ ᠠᠶᠠᠰ ᠢ ᠴᠤᠤᠷᠢᠶᠠᠳᠤᠭᠤᠯᠵᠦ᠂ ︽ᠬᠤᠶᠠᠷ ᠶᠡᠭᠡ ᠭᠤᠣᠯ ᠰᠡᠳᠣᠪᠳᠣ ᠠᠵᠢᠯᠯᠠᠭ᠎ᠠ᠂ ᠲᠦᠷᠪᠡᠨ ᠲᠦᠷᠦᠯ ᠤᠨ ᠰᠣᠶᠣᠯ ᠲᠠᠮᠢᠷ ᠤᠨ ᠣᠷᠣᠯᠳᠣᠭᠠᠨ︾᠎ ᠤ ᠨᠡᠷ᠎ᠡ ᠠᠯᠳᠠᠷᠰᠢᠯ ᠢ ᠳᠠᠰᠤᠷᠠᠯᠳᠠ ᠦᠬᠡᠢ ᠳᠡᠬᠡᠭᠰᠢᠯᠡᠬᠦᠯᠵᠦ᠂ ᠪᠡᠶ᠎ᠡ ᠳᠠᠮᠢᠷ ᠤᠨ ᠤᠷᠤᠯᠳᠤᠭᠠᠨ ᠤ ᠬᠢᠷᠢ ᠳᠦᠪᠰᠢᠨ ᠢ ᠤᠯᠠᠮ ᠨᠢᠬᠡ ᠠᠯᠬᠤᠮ ᠴᠢᠩᠭᠠᠷᠠᠭᠤᠯᠤᠨ᠂ ᠤᠯᠠᠨ ᠳᠦᠮᠨᠨᠴᠢ ᠴᠢᠨᠠᠷᠳᠠᠢ ᠲᠠᠮᠢᠷ ᠤᠨ ᠬᠦᠳᠡᠯᠬᠡᠬᠡᠨ ᠢ ᠦᠷᠬᠡᠨ ᠢᠶᠠᠷ ᠦᠷᠨᠢᠬᠦᠯᠦᠭᠰᠡᠨ ᠠᠴᠠ ᠵᠢᠭᠤᠯᠴᠢᠯᠠᠯ ᠤᠨ ᠦᠢᠯᠡᠰ ᠦᠷᠬᠦᠯᠵᠢᠯᠡᠨ ᠡᠷᠡᠬᠦᠯ ᠢᠶᠠᠷ ᠬᠦᠭᠵᠢᠵᠦ᠂ ᠪᠦᠬᠦ ᠬᠤᠰᠢᠭᠤᠨ ᠤ ᠤᠯᠤᠰ ᠤᠨ ᠳᠤᠳᠤᠭᠠᠳᠤ ᠭᠠᠳᠠᠭᠠᠳᠤ ᠶᠢᠨ ᠵᠢᠭᠤᠯᠴᠢᠯᠠᠭᠰᠠᠳ ᠨᠢ 2010 ᠤᠨ ᠠᠴᠠ 138%᠎ ᠪᠠᠷ ᠨᠡᠮᠡᠭᠳᠡᠨ᠂ ᠵᠢᠭᠤᠯᠴᠢᠯᠠᠯ ᠤᠨ ᠤᠷᠤᠯᠭ᠎ᠠ ᠨᠢ 358% ᠎ ᠪᠠᠷ ᠨᠡᠮᠡᠭᠳᠡᠵᠤ᠂ ᠵᠢᠭᠤᠯᠴᠢᠯᠠᠯ ᠤᠨ ᠦᠢᠯᠡᠴᠢᠯᠡᠬᠡᠨ ᠤ ᠦᠢᠯᠡᠰ ᠢ ᠶᠠᠭ ᠰᠢᠨ᠎ᠡ ᠳᠤᠯᠭᠠᠭᠤᠷᠢᠯᠠᠭᠴᠢ ᠠᠵᠤ ᠦᠢᠯᠡᠰ ᠪᠤᠯᠭᠠᠨ ᠪᠤᠵᠠᠭᠠᠶᠢᠷᠠᠭᠤᠯᠵᠦ ᠪᠠᠶᠢᠨ᠎ᠠ᠃     — ᠬᠦᠭᠵᠢᠯᠳᠡ ᠶᠢᠨ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃  ᠬᠦᠭᠵᠢᠯᠳᠡ ᠳᠤ ᠰᠠᠭᠤᠷᠢ ᠳᠠᠯᠪᠢᠬᠤ᠂ ᠠᠯᠤᠰ ᠬᠡᠳᠤ ᠶᠢ ᠪᠤᠳᠤᠯᠬᠢᠯᠠᠬᠤ ᠶᠢ ᠪᠠᠷᠢᠮᠳᠠᠯᠠᠵᠦ᠂ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠳᠠ ᠪᠠᠨ ᠴᠢᠩᠭᠠᠳᠬᠠᠵᠦ᠂  ᠬᠦᠭᠵᠢᠯᠳᠡ ᠶᠢᠨ ᠬᠢᠵᠠᠭᠠᠷᠯᠠᠯ ᠢ ᠰᠢᠪᠳᠤᠯᠪᠠ᠃  ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠲᠠᠪᠤᠨ ᠵᠢᠯ ᠤᠨ ᠳᠤᠷᠰᠢ᠂ ᠨᠡᠶᠢᠳᠡ 13.3 ᠳ᠋ᠥᠩᠰᠢᠭᠤᠷ ᠲᠥᠬᠦᠷᠢᠭ ᠵᠠᠷᠤᠴᠠᠭᠤᠯᠵᠦ᠂ 183.2 ᠺᠢᠯᠤᠮᠧᠲᠷ ᠪᠦᠬᠦᠢ ᠤᠯᠤᠰ᠂ ᠮᠤᠵᠢ ᠶᠢᠨ ᠵᠠᠮ ᠤᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠵᠦ᠂  ᠰᠤᠮᠤ ᠪᠠᠯᠭᠠᠰᠤ᠂ ᠭᠠᠴᠠᠭᠠᠨ ᠳᠤ 467 ᠺᠢᠯᠤᠮᠧᠲᠷ ᠪᠦᠬᠦᠢ ᠵᠠᠰᠠᠮᠠᠯ ᠵᠠᠮ ᠵᠠᠰᠠᠵᠦ᠂ ᠵᠠᠮ ᠱᠤᠭᠤᠮ ᠤᠨ ᠬᠠᠷᠢᠯᠴᠠᠨ ᠨᠡᠪᠳᠡᠷᠡᠯᠴᠡᠬᠦ ᠶᠢ ᠤᠯᠠᠮ ᠨᠢᠬᠡ ᠠᠯᠬᠤᠮ ᠰᠢᠯᠢᠳᠡᠭᠵᠢᠬᠦᠯᠪᠡ᠃  ᠳᠡᠮᠦᠷ ᠵᠠᠮ ᠤᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠨᠡᠶᠢᠳᠡ 15.8 ᠳ᠋ᠥᠩᠰᠢᠭᠤᠷ ᠲᠥᠬᠦᠷᠢᠭ ᠵᠠᠷᠤᠴᠠᠭᠤᠯᠵᠦ᠂ ᠪᠦᠬᠦ ᠬᠤᠰᠢᠭᠤᠨ ᠤ ᠵᠠᠰᠠᠵᠦ ᠳᠠᠭᠤᠰᠤᠭᠰᠠᠨ ᠵᠢᠴᠢ ᠵᠠᠰᠠᠵᠦ ᠪᠠᠶᠢᠭ᠎ᠠ ᠳᠡᠮᠦᠷ ᠵᠠᠮ 6 ᠵᠤᠷᠪᠤᠰ ᠲᠤ ᠬᠦᠷᠴᠦ᠂ ᠡᠬᠦᠨ ᠳᠤ ᠤᠯᠠᠭᠠᠨᠳᠤᠭ ᠠᠴᠠ ᠪᠠᠶᠠᠨᠳᠦᠬᠦᠷᠢᠭ᠂ ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ ᠤᠨ ᠳᠡᠮᠦᠷ ᠵᠠᠮ ᠤᠨ ᠳᠤᠰᠬᠠᠢ ᠱᠤᠭᠤᠮ᠂ ᠰᠢᠯᠢᠩᠬᠤᠳᠠ ᠠᠴᠠ ᠣᠯᠠᠭᠠᠨᠬᠤᠳᠠ ᠬᠦᠷᠬᠦ ᠲᠡᠮᠦᠷ ᠵᠠᠮ ︵ᠪᠠᠷᠠᠭᠤᠨ ᠦᠵᠦᠮᠦᠴᠢᠨ ᠤ ᠬᠡᠰᠡᠭ ︶᠎ ᠤᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠵᠦ  ᠂ ᠪᠠᠶ᠋ᠬᠠᠭᠤᠯᠠ ᠠᠴᠠ ᠵᠠᠭᠦᠨ ᠬᠠᠳᠠᠪᠴᠢ ᠬᠦᠷᠬᠦ ᠲᠡᠮᠣᠷ ᠵᠠᠮ ᠎ ᠤᠨ ᠨᠢᠬᠡᠳᠣᠬᠡᠷ ᠬᠤᠭᠤᠴᠠᠭ᠎ᠠ᠂ ᠪᠠᠶ᠋ᠬᠠᠭᠤᠯᠠ ᠠᠴᠠ ᠹᠦᠰᠢᠨ ᠤ ᠰᠢᠨᠴᠢᠣ ᠬᠦᠷᠬᠦ ᠲᠡᠮᠦᠷ ᠵᠠᠮ᠂ ᠯᠢᠨᠳᠦ᠋ᠩ ᠠᠴᠠ ᠪᠠᠶᠠᠩᠬᠤᠸᠠ ᠬᠦᠷᠬᠦ ᠳᠡᠮᠦᠷ ᠵᠠᠮ ᠤᠨ ᠪᠦᠳᠦᠬᠡᠨ ᠪᠠᠶᠢᠭᠤᠯᠤᠯᠳᠠ ᠶᠢ ᠶᠠᠭ ᠳᠦᠯᠬᠢᠨ ᠠᠬᠢᠭᠤᠯᠵᠦ ᠪᠠᠶᠢᠨ᠎ᠠ᠃ ᠪᠠᠰᠠ ᠨᠢᠬᠡᠨ ᠪᠠᠶᠠᠷᠯᠠᠭᠤᠰᠢᠳᠠᠢ ᠤᠴᠢᠷ ᠬᠡᠪᠡᠯ ᠬᠦᠬᠡᠬᠤᠳᠠ ᠠᠴᠠ ᠣᠯᠠᠭᠠᠨᠬᠤᠳᠠ ᠬᠦᠷᠬᠦ ᠠᠶᠠᠨᠴᠢᠳ ᠤᠨ ᠲᠡᠮᠦᠷ ᠵᠠᠮ ᠨᠡᠪᠳᠡᠷᠡᠭᠰᠡᠨ ᠨᠢ ᠮᠠᠨ ᠤ ᠬᠤᠰᠢᠭᠤᠨ ᠤ ᠬᠠᠷᠢᠶᠠᠨ ᠳᠤᠳᠤᠷ᠎ᠠ ᠠᠶᠠᠨᠴᠢᠳ ᠤᠨ ᠭᠠᠯᠳᠤ ᠳᠡᠷᠬᠡ ᠨᠡᠪᠳᠡᠷᠡᠬᠦ ᠦᠬᠡᠢ ᠪᠠᠶᠢᠭᠰᠠᠨ ᠳᠡᠤᠬᠡ ᠶᠢ ᠡᠴᠦᠰᠯᠡᠬᠦᠯᠪᠡ᠃  ᠴᠠᠬᠢᠯᠭᠠᠨ ᠲᠣᠣᠷ ᠤᠨ ᠪᠦᠳᠣᠬᠡᠨ ᠪᠠᠶᠢᠭᠤᠯᠣᠯᠳᠠ ᠶᠢᠨ ᠲᠠᠯ᠎ᠠ ᠪᠠᠷ ᠡᠤ ᠵᠢᠶᠠᠨ ᠹᠠᠩ 220 ᠺᠢᠯᠣᠸᠣᠯᠲ ᠶᠢᠨ ᠬᠦᠴᠦᠳᠡᠯ ᠦᠬᠡᠷᠡᠴᠢᠯᠡᠨ ᠳᠠᠮᠵᠢᠭᠤᠯᠬᠤ ᠢᠨᠵᠧᠨᠧᠷᠢᠩ ᠪᠠ ᠪᠦᠷᠢᠳᠦᠨ᠂ ᠬᠠᠩᠠᠭᠤᠯᠠ 110 ᠺᠢᠯᠣᠸᠣᠯᠲ ᠶᠢᠨ ᠬᠦᠴᠦᠳᠡᠯ ᠦᠬᠡᠷᠡᠴᠢᠯᠡᠨ ᠳᠠᠮᠵᠢᠭᠤᠯᠬᠤ ᠢᠨᠵᠧᠨᠧᠷᠢᠩ ᠵᠢᠴᠢ ᠪᠠᠶᠠᠩᠭᠤᠤᠯ᠂  ᠪᠠᠴᠢ ᠶᠢᠨ 35 ᠺᠢᠯᠣᠸᠣᠯᠲ ᠶᠢᠨ ᠬᠦᠴᠦᠳᠡᠯ ᠦᠬᠡᠷᠡᠴᠢᠯᠡᠨ ᠳᠠᠮᠵᠢᠭᠤᠯᠬᠤ ᠢᠨᠵᠧᠨᠧᠷᠢᠩ ᠢ ᠪᠦᠳᠦᠬᠡᠨ ᠪᠠᠶᠢᠭᠤᠯᠵᠦ᠂ ᠪᠤᠯᠠᠭ 500 ᠺᠢᠯᠣᠸᠣᠯᠲ ᠶᠢᠨ ᠬᠦᠴᠦᠳᠡᠯ ᠦᠬᠡᠷᠡᠴᠢᠯᠡᠨ ᠳᠠᠮᠵᠢᠭᠤᠯᠬᠤ ᠢᠨᠵᠧᠨᠧᠷᠢᠩ ᠢ ᠠᠵᠢᠯ ᠡᠬᠢᠯᠡᠬᠦᠯᠵᠦ᠂ ᠴᠠᠬᠢᠯᠭᠠᠨ ᠬᠠᠩᠭᠠᠬᠤ ᠪᠠᠳᠤᠯᠠᠭ᠎ᠠ ᠶᠢᠨ ᠴᠢᠳᠠᠪᠤᠷᠢ ᠶᠢ ᠳᠡᠬᠡᠭᠰᠢᠯᠡᠬᠦᠯᠪᠡ᠃ ᠤᠰᠤᠨ ᠠᠰᠢᠭᠯᠠᠯᠳᠠ ᠎ ᠶᠢᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠡᠷ‌ᠤᠰᠤ ᠬᠡᠷᠡᠭᠯᠡᠬᠦ᠂ ᠤᠰᠤ ᠠᠷᠪᠢᠯᠠᠬᠤ᠂ ᠤᠰᠤ ᠨᠡᠮᠡᠭᠳᠡᠬᠦᠯᠬᠦ ᠳᠤᠭᠤᠷᠢᠨ ᠳᠤ ᠤᠰᠤᠨ ᠠᠰᠢᠭᠯᠠᠯᠳᠠ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠪᠠ᠃ ᠮᠠᠯᠵᠢᠬᠤ ᠤᠷᠤᠨ ᠳᠤ ᠰᠢᠨ᠎ᠡ ᠪᠠᠷ 1935 ᠮᠠᠰᠢᠨ ᠬᠤᠳᠳᠤᠭ ᠤᠬᠤᠵᠦ᠂ 11980 ᠬᠦᠮᠦᠨ ᠂ 33.4 ᠳᠦᠮᠡᠨ ᠳᠤᠯᠤᠭᠠᠢ ᠮᠠᠯ ᠤᠨᠤᠭ᠎ᠠ ᠶᠢᠨ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠪᠡ᠃ ᠪᠠᠯᠭᠠᠷᠭᠤᠤᠯ ᠤᠨ ᠦᠶᠡᠷ ᠢ ᠰᠡᠷᠬᠡᠶᠢᠯᠡᠬᠦ ᠪᠠᠷᠢᠯᠭ᠎ᠠ ᠶᠢ ᠪᠡᠶᠡᠯᠡᠬᠦᠯᠵᠦ᠂ ᠦᠶᠡᠷ ᠢ ᠰᠡᠷᠬᠡᠶᠢᠯᠡᠬᠦ ᠴᠢᠳᠠᠪᠬᠢ ᠶᠢ ᠳᠡᠬᠡᠭᠰᠢᠯᠡᠬᠦᠯᠪᠡ᠃ ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ ᠤᠨ ᠪᠦᠳᠦᠬᠡᠨ ᠪᠠᠶᠢᠭᠤᠯᠤᠯᠳᠠ ᠲᠠᠢ ᠤᠶᠠᠯᠳᠤᠭᠤᠯᠤᠨ᠂ ᠶᠡᠭᠡ ᠵᠢᠷ ᠤᠨ ᠭᠤᠤᠯ ᠤᠰᠤᠨ ᠴᠦᠬᠦᠷᠦᠮ ᠪᠠ ᠭᠤᠷᠤᠬᠠᠨ ᠤᠰᠤᠨ ᠴᠦᠬᠦᠷᠦᠮ ᠤᠨ ᠤᠰᠤ ᠬᠠᠩᠭᠠᠬᠤ ᠢᠨᠵᠧᠨᠧᠷᠢᠩ ᠢ ᠠᠵᠢᠯ ᠡᠬᠢᠯᠡᠬᠦᠯᠪᠡ᠃ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠪᠠᠳᠤᠯᠠᠭ᠎ᠠ ᠶᠢᠨ ᠴᠢᠳᠠᠪᠤᠷᠢ ᠶᠢ ᠤᠯᠠᠮ ᠨᠢᠬᠡ ᠠᠯᠬᠤᠮ ᠴᠢᠩᠭᠠᠳᠬᠠᠵᠦ᠂ ︽ᠭᠤᠷᠪᠠᠨ ᠳᠤᠭᠤᠷᠢᠭ ᠬᠤᠶᠠᠷ ᠱᠤᠭᠤᠮ ︾ ᠵᠢᠴᠢ ᠤᠤᠯ ᠤᠨ ᠤᠷᠬᠢᠭᠳᠠᠭᠰᠠᠨ ᠠᠭᠤᠷᠬᠠᠢ ᠶᠢᠨ ᠳᠤᠭᠤᠷᠢᠭ ᠤᠨ ᠠᠮᠢ ᠠᠬᠤᠢ ᠶᠢ ᠰᠡᠷᠬᠦᠬᠡᠨ ᠴᠡᠭᠴᠡᠯᠡᠬᠦ ᠠᠵᠢᠯ ᠢᠯᠡᠳᠳᠡ ᠠᠮᠵᠢᠯᠳᠠ ᠤᠯᠵᠦ᠂ ᠡᠬᠢ ᠪᠠᠶᠠᠯᠢᠭ ᠢ ᠡᠷᠴᠢᠮᠵᠢᠬᠦᠯᠦᠨ ᠠᠰᠢᠭᠯᠠᠬᠤ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠪᠡ᠃     — ᠬᠤᠲᠠ ᠬᠥᠳᠡᠭᠡ ᠶᠢᠨ ᠨᠢᠭᠡᠳᠦᠯᠲᠠᠢ ᠲᠦᠯᠦᠪᠵᠢᠭᠦᠯᠭᠡ ᠶᠢ ᠤᠯᠠᠮ ᠨᠢᠬᠡ ᠠᠯᠬᠤᠮ ᠬᠦᠨᠵᠡᠬᠡᠶᠢᠷᠡᠬᠦᠯᠪᠡ᠃  ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠡ ᠶᠢ ᠢᠳᠡᠪᠬᠢᠳᠡᠢ ᠳᠦᠯᠬᠢᠨ ᠠᠬᠢᠭᠤᠯᠵᠦ᠂ ᠪᠠᠯᠭᠠᠷᠭᠤᠤᠯ ᠪᠠᠯᠭᠠᠰᠤ ᠎ ᠪᠠᠷ ᠭᠤᠤᠯᠳᠠᠯᠭ᠎ᠠ ᠪᠤᠯᠭᠠᠨ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠬᠦᠴᠦᠯᠡᠴᠡ ᠪᠠᠨ ᠨᠡᠮᠡᠭᠳᠡᠬᠦᠯᠦᠨ᠂ ᠳᠠᠪᠤᠨ ᠵᠢᠯ ᠤᠨ ᠳᠤᠷᠰᠢ ᠨᠡᠶᠢᠳᠡ 11.5 ᠳ᠋ᠥᠩᠰᠢᠭᠤᠷ ᠲᠥᠬᠦᠷᠢᠭ ᠵᠠᠷᠤᠴᠠᠭᠤᠯᠤᠨ᠂ ᠬᠤᠳᠠ ᠪᠠᠯᠭᠠᠰᠤᠨ ᠤ ᠳᠦᠷᠢ ᠳᠦᠷᠬᠦ ᠶᠢ ᠤᠯᠠᠮ ᠨᠢᠬᠡ ᠠᠯᠬᠤᠮ ᠭᠤᠸᠠᠯᠢᠭᠵᠢᠭᠤᠯᠤᠨ᠂ ᠴᠢᠳᠠᠪᠬᠢ ᠶᠢ ᠨᠢ ᠳᠠᠰᠤᠷᠠᠯᠳᠠ ᠦᠬᠡᠢ ᠳᠡᠬᠦᠯᠳᠡᠷᠵᠢᠬᠦᠯᠵᠦ᠂ ᠤᠷᠤᠰᠢᠨ ᠰᠠᠭᠤᠬᠤ ᠤᠷᠴᠢᠨ ᠳᠤᠭᠤᠷᠢᠨ ᠢ ᠦᠷᠬᠦᠯᠵᠢᠯᠡᠨ ᠰᠠᠶᠢᠵᠢᠷᠠᠭᠤᠯᠤᠭᠰᠠᠨ ᠠᠴᠠ ᠪᠠᠯᠭᠠᠷᠭᠤᠤᠯ ᠪᠠᠯᠭᠠᠰᠤ ᠨᠢ ︽ᠤᠯᠤᠰ ᠤᠨ ᠡᠷᠡᠬᠦᠯ ᠬᠠᠮᠠᠭᠠᠯᠠᠯ ᠤᠨ ᠬᠤᠰᠢᠭᠤ ᠰᠢᠶᠠᠨ︾᠂ ︽ᠤᠯᠤᠰ ᠤᠨ ᠲᠡᠰ ᠤᠨ ᠠᠮᠢ ᠠᠬᠤᠢ ᠶᠢᠨ ᠪᠠᠯᠭᠠᠰᠤ︾᠂ ︽ᠥᠪᠡᠷᠳᠡᠬᠡᠨ ᠵᠠᠰᠠᠬᠤ ᠤᠷᠤᠨ ᠤ ᠴᠡᠴᠡᠷᠯᠢᠭᠳᠦ ᠬᠤᠰᠢᠭᠤ ᠰᠢᠶᠠᠨ︾ ᠵᠡᠷᠬᠡ ᠢᠷᠠᠭᠤ ᠠᠯᠳᠠᠷ ᠢ ᠬᠦᠷᠳᠡᠪᠡ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠢᠶᠠᠷ ᠵᠢᠯᠤᠭᠤᠳᠤᠮᠵᠢ ᠪᠤᠯᠭᠠᠵᠤ᠂ ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠳᠤᠭᠤᠷᠢᠨ ᠢ ᠰᠠᠶᠢᠵᠢᠷᠠᠭᠤᠯᠬᠤ ᠠᠵᠢᠯ ᠢ ᠨᠢᠬᠡᠳᠦᠯᠳᠠᠢ ᠲᠦᠯᠦᠪᠵᠢᠬᠦᠯᠦᠨ ᠰᠠᠶᠢᠳᠤᠷ ᠠᠳᠬᠤᠵᠤ᠂ ᠨᠡᠶᠢᠳᠡ 9.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 79 ᠭᠠᠴᠠᠭᠠᠨ ᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠬᠡᠷᠡᠭᠵᠢᠬᠦᠯᠵᠣ᠂ ᠬᠤᠳᠠ ᠬᠦᠳᠡᠭᠡ ᠶᠢ ᠨᠢᠬᠡ ᠴᠤᠭᠴᠠᠵᠢᠭᠤᠯᠤᠭᠰᠠᠨ ᠬᠦᠭᠵᠢᠯᠳᠡ ᠶᠢ ᠠᠬᠢᠭᠤᠯᠪᠠ᠃     — ᠦᠭᠡᠷᠡᠴᠢᠯᠡᠯᠲᠡ ᠨᠡᠭᠡᠭᠡᠯᠲᠡ ᠶᠢ ᠬᠦᠨᠵᠡᠬᠡᠶᠢᠷᠡᠬᠦᠯᠪᠡ᠃  ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠠᠵᠢᠯ ᠢ ᠳᠦᠯᠬᠢᠨ ᠠᠬᠢᠭᠤᠯᠵᠦ᠂ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠰᠢ᠂  ᠪᠦᠬᠦ ᠬᠤᠰᠢᠭᠤ ᠪᠠᠷ ᠢᠶᠠᠨ ᠳᠦᠪ᠂ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠦᠬᠡᠷᠡᠴᠢᠯᠡᠯᠳᠡ ᠶᠢᠨ ᠰᠢᠢᠳᠪᠤᠷᠢᠳᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠬᠦᠨᠵᠡᠬᠡᠢ ᠳᠤᠤᠱᠯᠠᠭᠤᠯᠤᠨ᠂ ᠪᠦᠬᠦ ᠬᠤᠰᠢᠭᠤᠨ ᠤ ᠦᠬᠡᠷᠡᠴᠢᠯᠡᠯᠳᠡ ᠬᠦᠭᠵᠢᠯᠳᠡ ᠶᠢᠨ ᠶᠡᠭᠡ ᠲᠠᠯ᠎ᠠ ᠶᠢᠨ ᠳᠤᠭᠤᠷᠢᠨ ᠳᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠠᠵᠢᠯ ᠢ ᠰᠤᠳᠤᠯᠤᠨ ᠪᠠᠶᠢᠷᠢᠯᠠᠭᠤᠯᠵᠦ᠂ ᠦᠬᠡᠷᠡᠴᠢᠯᠡᠯᠳᠡ ᠶᠢᠨ ᠴᠢᠭᠯᠡᠯᠳᠡ ᠶᠢ ᠤᠨᠤᠪᠴᠢᠳᠠᠢ ᠡᠵᠡᠮᠰᠢᠵᠦ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂  ᠤᠯᠠᠨ ᠳᠦᠮᠡᠨ ᠤ ᠬᠦᠰᠡᠯ ᠱᠠᠭᠠᠷᠳᠠᠯᠭ᠎ᠠ ᠶᠢ ᠳᠦᠪᠯᠡᠷᠡᠬᠦᠯᠵᠤ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠦᠭᠵᠢᠬᠦᠯᠵᠦ᠂  ᠦᠬᠡᠷᠡᠴᠢᠯᠡᠯᠳᠡ ᠎ ᠶᠢᠨ ᠡᠬᠦᠷᠬᠡ ᠬᠠᠷᠢᠭᠤᠴᠠᠯᠭ᠎ᠠ ᠶᠢᠨ  ᠬᠤᠪᠢᠶᠠᠷᠢᠯᠠᠯ ᠪᠠ ᠳᠤᠷᠰᠢᠯᠳᠠ ᠶᠢᠨ ᠴᠢᠭ ᠤᠨ ᠬᠤᠪᠢᠶᠠᠷᠢᠯᠠᠯ ᠢ ᠳᠤᠭᠳᠠᠭᠠᠨ᠂ ᠳᠦᠷᠦᠯ ᠪᠦᠷᠢ ᠶᠢᠨ ᠦᠬᠡᠷᠡᠴᠢᠯᠡᠯᠳᠡ ᠶᠢᠨ ᠡᠬᠦᠷᠬᠡ ᠶᠢᠨ ᠦᠷ᠎ᠡ ᠪᠦᠳᠦᠬᠡᠯ ᠤᠨ ᠬᠡᠯᠪᠡᠷᠢ᠂ ᠴᠠᠭ ᠬᠤᠭᠤᠴᠠᠭᠠᠨ ᠤ ᠠᠬᠢᠴᠠ᠂  ᠬᠠᠷᠢᠭᠤᠴᠠᠯᠭ᠎ᠠ ᠶᠢᠨ ᠭᠤᠤᠯ ᠴᠤᠭᠴᠠ ᠶᠢ ᠳᠤᠭᠳᠠᠭᠠᠵᠦ᠂ ᠦᠬᠡᠷᠡᠴᠢᠯᠡᠯᠳᠡ ᠶᠢᠨ ᠠᠵᠢᠯ ᠪᠠ ᠬᠠᠷᠢᠭᠤᠴᠠᠯᠭ᠎ᠠ ᠶᠢ ᠬᠦᠮᠦᠨ᠂ ᠤᠴᠢᠷ ᠶᠠᠪᠤᠳᠠᠯ ᠳᠤ ᠨᠠᠶᠢᠳᠠᠪᠤᠷᠢᠵᠢᠭᠤᠯᠤᠨ᠂ ᠠᠵᠤ ᠠᠬᠤᠢ᠂ ᠠᠮᠢ ᠠᠬᠤᠢ ᠶᠢᠨ ᠪᠤᠯᠪᠠᠰᠤᠨ ᠪᠠ ᠨᠡᠶᠢᠬᠡᠮ ᠤᠨ ᠰᠢᠰᠲ᠋ᠧᠮᠵᠢ ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠠᠩᠬᠢᠯᠠᠭ᠎ᠠ ᠶᠢᠨ ᠭᠤᠭᠴᠤᠭᠠᠨ ᠳᠠᠬᠢ ᠦᠬᠡᠷᠡᠴᠢᠯᠡᠯᠳᠡ ᠶᠢ ᠳᠤᠭᠳᠠᠭᠤᠨ ᠢᠶᠠᠷ ᠠᠬᠢᠭᠤᠯᠪᠠ᠃     — ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠤᠷᠳᠤ ᠬᠤᠭᠤᠴᠠᠭᠠᠨ ᠤ ᠬᠠᠳᠠᠭᠤᠵᠢᠯᠳᠠᠢ ᠪᠠᠶᠢᠯᠳᠤᠬᠤ ᠡᠬᠦᠷᠬᠡ ᠪᠤᠯᠭᠠᠵᠦ᠂ ᠲᠠᠯ᠎ᠠ ᠨᠣᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠢᠮ ᠪᠠ ᠮᠠᠯ ᠪᠡᠯᠴᠢᠬᠡᠷ ᠤᠨ ᠳᠡᠩᠴᠡᠬᠦᠷᠢ ᠶᠢ ᠪᠠᠳᠤᠯᠠᠬᠤ ᠳᠦᠷᠢᠮ ᠢ ᠡᠬᠢᠯᠡᠨ ᠬᠡᠷᠡᠭᠵᠢᠬᠦᠯᠬᠦ ᠶᠢᠨ ᠬᠠᠮᠳᠤ ᠴᠢᠩᠭ᠎ᠠ ᠨᠠᠶᠢᠳᠠᠪᠤᠷᠢᠵᠢᠭᠤᠯᠵᠦ᠂ ︽ᠪᠡᠬᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ︾ ᠢᠨᠵᠧᠨᠧᠷᠢᠩ ᠢ ᠳᠤᠭᠳᠠᠭᠤᠨ ᠎ ᠢᠶᠠᠷ ᠳᠦᠯᠬᠢᠨ ᠠᠬᠢᠭᠤᠯᠤᠭᠰᠠᠨ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠢᠯᠡᠳᠳᠠ ᠰᠠᠶᠢᠵᠢᠷᠠᠭᠰᠠᠨ ᠪᠠᠶᠢᠨ᠎ᠠ᠃ ᠳᠠᠪᠤᠨ ᠵᠢᠯ ᠤᠨ ᠳᠤᠷᠰᠢ᠂ ᠠᠮᠢ ᠠᠬᠤᠢ ᠶᠢᠨ ᠪᠠᠶᠢᠭᠤᠯᠤᠯᠳᠠ ᠳᠤ ᠨᠡᠶᠢᠳᠡ 7.5 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠦ᠂ 92 ᠳᠦᠮᠡᠨ ᠮᠤ᠋ ᠡᠯᠡᠰᠦᠨ ᠤ ᠡᠬᠢ ᠶᠢ ᠵᠠᠰᠠᠵᠦ᠂ 586 ᠳᠦᠮᠡᠨ ᠮᠤ᠋ ᠭᠠᠵᠠᠷ ᠲᠤ ᠪᠡᠯᠴᠢᠬᠡᠷᠯᠡᠬᠦᠯᠬᠦ ᠶᠢ ᠵᠤᠭᠰᠤᠭᠠᠵᠦ᠂ 2549 ᠲᠦᠮᠡᠨ ᠮᠣ᠋ ᠭᠠᠵᠠᠷ ᠲᠤ ᠮᠠᠯ ᠪᠡᠯᠴᠢᠬᠡᠷ ᠎ ᠤᠨ ᠲᠡᠩᠴᠡᠬᠦᠷᠢ ᠶᠢ ᠪᠠᠳᠣᠯᠠᠵᠠᠢ᠃  ᠤᠷᠴᠢᠨ ᠳᠤᠭᠤᠷᠢᠨ ᠢ ᠬᠠᠮᠠᠭᠠᠯᠠᠬᠤ ᠠᠵᠢᠯ ᠤᠨ ᠡᠷᠴᠢᠮ ᠢ ᠢᠯᠡᠳᠳᠡ ᠴᠢᠩᠭᠠᠷᠠᠭᠤᠯᠵᠦ᠂ ᠳᠡᠬᠡᠷ᠎ᠡ ᠱᠠᠳᠤᠨ ᠠᠴᠠ ᠪᠠᠭᠤᠯᠭᠠᠭᠰᠠᠨ ᠡᠨᠧᠷᠬᠢ ᠠᠷᠪᠢᠯᠠᠵᠦ ᠪᠤᠬᠢᠷᠳᠤᠯ ᠢ ᠪᠠᠭᠠᠰᠬᠠᠬᠤ ᠡᠬᠦᠷᠬᠡ ᠬᠠᠷᠠᠯᠳᠠ ᠶᠢ ᠪᠦᠬᠦ ᠲᠠᠯ᠎ᠠ ᠪᠠᠷ ᠪᠡᠶᠡᠯᠡᠬᠦᠯᠦᠭᠰᠡᠨ ᠠᠴᠠ ︽ᠦᠵᠡᠰᠬᠦᠯᠡᠩᠳᠤ ᠰᠠᠶᠢᠬᠠᠨ ᠪᠠᠷᠠᠭᠤᠨ ᠦᠵᠦᠮᠦᠴᠢᠨ︾᠎ ᠤ ᠪᠦᠳᠦᠬᠡᠨ ᠪᠠᠶᠢᠭᠤᠯᠤᠯᠳᠠ ᠪᠤᠳᠠᠳᠤ ᠦᠷ᠎ᠡ ᠪᠦᠳᠦᠮᠵᠢ ᠤᠯᠵᠦ᠂ ᠨᠤᠭᠤᠭᠠᠨᠪᠤᠯᠠᠭ ᠭᠠᠴᠠᠭ᠎ᠠ ᠨᠢ 2015 ᠤᠨ ᠳᠤ ᠳᠦᠪ ᠤᠨ ᠲᠧᠯᠸᠢᠰ ᠬᠤᠷᠢᠶᠠᠨ ᠤ ︽ᠲᠣᠮᠳᠠᠳᠣ ᠣᠯᠣᠰ ᠤᠨ ᠠᠷᠪᠠᠨ ᠬᠠᠮᠤᠭ ᠭᠤᠶᠣ ᠬᠦᠳᠡᠭᠡ ᠲᠣᠰᠬᠤᠨ︾᠎ ᠤ ᠴᠤᠯᠠ ᠶᠢ ᠬᠦᠷᠳᠡᠪᠡ᠃     — ᠠᠷᠠᠳ ᠤᠨ ᠠᠮᠢᠳᠤᠷᠠᠯ ᠤᠨ ᠲᠦᠪᠰᠢᠨ ᠢ ᠢᠯᠡᠳᠲᠡ ᠳᠡᠬᠡᠭᠰᠢᠯᠡᠬᠦᠯᠪᠡ᠃  ᠲᠠᠪᠤᠨ ᠵᠢᠯ ᠤᠨ ᠳᠤᠷᠰᠢ᠂ ᠠᠷᠠᠳ ᠤᠨ ᠠᠮᠢᠳᠤᠷᠠᠯ ᠪᠠ ᠨᠡᠶᠢᠬᠡᠮ ᠤᠨ ᠠᠵᠢᠯ ᠦᠢᠯᠡᠰ ᠲᠤ ᠨᠡᠶᠢᠳᠡ 58.9 ᠳ᠋ᠦᠩᠰᠢᠭᠤᠷ ᠳᠦᠬᠦᠷᠢᠭ ᠵᠠᠷᠤᠴᠠᠭᠤᠯᠵᠦ᠂  ᠵᠢᠯ ᠪᠦᠷᠢ ᠳᠤᠮᠳᠠᠴᠢ ᠪᠠᠷ 21.4%᠎ ᠪᠠᠷ ᠨᠡᠮᠡᠭᠳᠡᠪᠡ᠃  ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠬᠤᠪᠢᠶᠠᠷᠢᠯᠠᠵᠦ ᠪᠤᠯᠬᠤᠶᠢᠴᠠ ᠣᠷᠤᠯᠭ᠎ᠠ ᠵᠢᠯ ᠪᠦᠷᠢ ᠳᠤᠮᠳᠠᠴᠢ ᠪᠠᠷ 12.5%᠎ ᠪᠠᠷ ᠨᠡᠮᠡᠭᠳᠡᠨ᠂ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠬᠤᠪᠢᠶᠠᠷᠢᠯᠠᠵᠦ  ᠪᠤᠯᠬᠤᠶᠢᠴᠠ ᠣᠷᠤᠯᠭ᠎ᠠ ᠵᠢᠯ ᠪᠦᠷᠢ ᠳᠤᠮᠳᠠᠴᠢ ᠪᠠᠷ 14.4%᠎ ᠪᠠᠷ ᠨᠡᠮᠡᠭᠳᠡᠪᠡ᠃ ᠨᠡᠶᠢᠬᠡᠮ ᠤᠨ ᠪᠠᠳᠤᠯᠠᠭ᠎ᠠ ᠶᠢᠨ ᠳᠦᠷᠢᠮ ᠢ ᠬᠤᠳᠠ ᠬᠦᠳᠡᠭᠡ ᠳᠤ ᠪᠦᠬᠦᠨ ᠢ ᠪᠦᠷᠬᠦᠬᠦᠯᠵᠦ᠂ ᠪᠠᠳᠤᠯᠠᠭ᠎ᠠ ᠶᠢᠨ ᠪᠠᠷᠢᠮᠵᠢᠶ᠎ᠠ ᠨᠢ ᠪᠦᠬᠦ ᠠᠶᠢᠮᠠᠭ᠂ ᠪᠦᠬᠦ ᠤᠷᠤᠨ ᠤ ᠳᠤᠮᠳᠠᠴᠢ ᠬᠢᠷᠢ ᠳᠦᠪᠰᠢᠨ ᠠᠴᠠ ᠦᠨᠳᠦᠷ ᠪᠤᠯᠪᠠ᠃ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ᠂ ᠠᠷᠠᠳ ᠤᠨ ᠠᠮᠤᠭᠤᠯᠠᠩ ᠤᠷᠤᠨ ᠰᠠᠭᠤᠴᠠ ᠪᠠ ᠦᠢᠯᠡᠰ ᠪᠤᠰᠬᠠᠨ ᠠᠵᠢᠯ ᠤᠯᠭᠤᠬᠤ ᠢᠨᠵᠧᠨᠧᠷᠢᠩ ᠢ ᠬᠡᠷᠡᠭᠵᠢᠬᠦᠯᠵᠦ᠂ 2364 ᠬᠦᠮᠦᠨ ᠢ ᠶᠠᠳᠠᠭᠤ ᠠᠴᠠ ᠠᠩᠬᠢᠵᠢᠷᠠᠭᠤᠯᠤᠨ᠂ 1760 ᠡᠷᠦᠬᠡ ᠮᠠᠯᠵᠢᠬᠤ ᠤᠷᠤᠨ ᠤ ᠶᠠᠳᠠᠭᠤ ᠬᠦᠴᠢᠷᠳᠡᠯᠳᠡᠢ ᠬᠡᠷ ᠪᠦᠯᠢ ᠶᠢᠨ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠵᠦ᠂ ᠨᠡᠶᠢᠳᠡ 30327 ᠠᠵᠢᠯ ᠤᠨ ᠪᠠᠶᠢᠷᠢ ᠴᠤᠭᠯᠠᠭᠤᠯᠤᠨ᠂ 8445 ᠨᠡᠷ᠎ᠡ ᠬᠤᠳᠠ ᠪᠠᠯᠭᠠᠰᠤᠨ ᠤ ᠡᠯ᠎ᠡ ᠳᠦᠷᠦᠯ ᠤᠨ ᠬᠦᠮᠦᠰ ᠪᠠ 4163 ᠨᠡᠷ᠎ᠡ ᠬᠤᠳᠠ ᠤᠷᠤᠭᠰᠨᠨ ᠮᠠᠯᠴᠢᠳ ᠲᠤ ᠠᠵᠢᠯ ᠤᠨ ᠪᠠᠶᠢᠷᠢ ᠬᠠᠩᠭᠠᠨ᠂  ᠬᠤᠳᠠ ᠪᠠᠯᠭᠠᠰᠤᠨ ᠤ ᠠᠵᠢᠯ ᠠᠯᠳᠠᠯᠳᠠ ᠶᠢᠨ ᠨᠤᠷᠮ᠎ᠠ ᠶᠢ 3.5% ᠳᠤᠳᠤᠷ᠎ᠠ ᠬᠢᠵᠠᠭᠠᠷᠯᠠᠵᠠᠢ᠃     — ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠠᠬᠢᠭᠤᠯᠪᠠ  ᠃ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠳᠤᠳᠬᠠᠨ ᠳᠡᠬᠡᠭᠰᠢᠯᠡᠬᠦᠯᠵᠦ᠂ ᠤᠯᠤᠰ ᠤᠨ ᠬᠢᠨᠠᠨ ᠰᠢᠯᠭᠠᠯᠳᠠ ᠶᠢ ᠠᠮᠵᠢᠯᠳᠠᠳᠠᠢ ᠦᠩᠬᠡᠷᠡᠬᠡᠨ᠂ ᠪᠦᠬᠦ ᠠᠶᠢᠮᠠᠭ ᠤᠨ ᠠᠩᠬᠠᠳᠠᠭᠴᠢ ᠪᠦᠯᠦᠭ ︽ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠬᠦᠷᠢᠳᠡᠢ ᠬᠦᠭᠵᠢᠯᠳᠡ ᠶᠢᠨ ᠬᠤᠰᠢᠭᠤ ︵ᠰᠢᠶᠠᠨ︶︾᠎ ᠤ ᠡᠩᠨᠡᠬᠡᠨ ᠳᠤ  ᠵᠢᠭᠰᠠᠭᠠᠭᠳᠠᠭᠰᠠᠨ ᠪᠠᠶᠢᠨ᠎ᠠ᠃  ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠦᠭᠵᠢᠯᠳᠡ ᠶᠢ ᠳᠦᠷᠬᠡᠳᠬᠡᠵᠦ᠂  ᠪᠠᠷᠠᠭᠤᠨ ᠦᠵᠦᠮᠦᠴᠢᠨ ᠬᠤᠰᠢᠭᠤᠨ ᠤ ᠬᠡᠤᠬᠡᠳ ᠤᠨ ᠴᠡᠴᠡᠷᠯᠢᠭ᠂  ᠪᠠᠯᠭᠠᠷ ᠬᠡᠤᠬᠡᠳ ᠤᠨ ᠴᠡᠴᠡᠷᠯᠢᠭ᠂ ᠪᠠᠶᠠᠩᠬᠤᠸᠠ ᠪᠠᠯᠭᠠᠰᠤᠨ ᠤ ᠬᠡᠤᠬᠡᠳ ᠤᠨ ᠴᠡᠴᠡᠷᠯᠢᠭ ᠪᠠ ᠭᠤᠷᠤᠬᠠᠨ ᠪᠠᠯᠭᠠᠰᠤᠨ ᠤ ᠬᠡᠤᠬᠡᠳ ᠤᠨ ᠴᠡᠴᠡᠷᠯᠢᠭ ᠢ ᠦᠨᠳᠦᠷ ᠪᠠᠷᠢᠮᠵᠢᠶ᠎ᠠ ᠪᠠᠷ ᠰᠢᠨ᠎ᠡ ᠪᠠᠷ ᠪᠠᠶᠢᠭᠤᠯᠵᠦ᠂  ︽ᠴᠡᠴᠡᠷᠯᠢᠭ ᠲᠤ ᠤᠷᠤᠬᠤ ᠳᠤ ᠬᠦᠴᠢᠷ︾ ᠠᠰᠠᠭᠤᠳᠠᠯ ᠢ ᠵᠤᠬᠢᠰᠳᠠᠢ ᠨᠠᠮᠳᠠᠭᠠᠪᠠ᠃ ︽ᠠᠷᠪᠠᠨ ᠳᠠᠪᠤᠨ ᠵᠢᠯ︾᠎ ᠤᠨ ᠰᠦᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠤᠨ ᠳᠦᠷᠦ ᠎ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ 39438 ᠰᠤᠷᠤᠭᠴᠢ ᠤᠳᠠᠭ᠎ᠠ ᠳᠤ ᠠᠰᠢᠭ ᠬᠦᠷᠳᠡᠬᠡᠪᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠳᠠ ᠴᠢᠬᠤᠯᠠ ᠠᠯᠬᠤᠮ ᠢ ᠪᠡᠶᠡᠯᠡᠬᠦᠯᠵᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠠᠬᠢᠭᠤᠯᠤᠨ᠂ ᠡᠪᠡᠳᠴᠢᠨ ᠡᠮᠨᠡᠭᠦᠯᠬᠦ ᠳᠤ ᠬᠦᠴᠢᠷᠲᠠᠢ ᠮᠦᠷᠳᠡᠬᠡᠨ ᠦᠨ᠎ᠠ ᠲᠠᠢ ᠪᠠᠶᠢᠬᠤ ᠠᠰᠠᠭᠤᠳᠠᠯ ᠢ ᠵᠤᠬᠢᠰᠳᠡᠢ ᠨᠠᠮᠳᠠᠭᠤᠯᠤᠭᠰᠠᠨ ᠎ ᠠᠴᠠ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ ᠪᠣᠯᠣᠨ ᠮᠣᠩᠭᠤᠯ ᠡᠮᠨᠡᠯᠬᠡ ᠶᠢᠨ ᠬᠤᠷᠢᠶ᠎ᠠ ᠨᠢ ᠤᠯᠤᠰ ᠤᠨ ᠬᠤᠶᠠᠳᠤᠭᠠᠷ ᠵᠡᠷᠬᠡ ᠶᠢᠨ ᠬᠦᠬᠡ ᠳᠡᠰ ᠤᠨ ᠡᠮᠨᠡᠯᠬᠡ ᠶᠢᠨ ᠬᠤᠷᠢᠶ᠎ᠠ ᠶᠢᠨ ᠬᠢᠨᠠᠨ ᠰᠢᠯᠭᠠᠯᠳᠠ ᠶᠢ ᠠᠮᠵᠢᠯᠳᠠᠳᠠᠢ ᠦᠩᠬᠡᠷᠡᠬᠡᠵᠦ᠂ ᠡᠷᠡᠬᠦᠯ ᠬᠡᠣᠬᠡᠳ ᠲᠦᠷᠦᠵᠦ ᠰᠢᠯᠢᠳᠡᠭ ᠬᠦᠮᠦᠵᠢᠯ ᠬᠦᠷᠳᠡᠬᠡᠬᠦ ᠬᠢᠷᠢ ᠬᠡᠮᠵᠢᠶ᠎ᠡ ᠶᠢ ᠴᠦ ᠲᠠᠰᠤᠷᠠᠯᠲᠠ ᠦᠭᠡᠢ ᠳᠡᠬᠡᠭᠰᠢᠯᠡᠬᠦᠯᠪᠡ᠃ ᠦᠨᠳᠦᠰᠦᠳᠡᠨ ᠤ ᠰᠤᠶᠤᠯ ᠢ ᠠᠭᠤᠳᠠᠯᠯᠠᠨ ᠪᠠᠳᠠᠷᠠᠭᠤᠯᠵᠦ᠂ ᠰᠤᠶᠤᠯ ᠤᠨ ᠠᠵᠤ ᠦᠢᠯᠡᠰ ᠢ ᠦᠷᠨᠢᠬᠦᠨ ᠬᠦᠭᠵᠢᠬᠦᠯᠪᠡ᠃ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠪᠦᠯᠬᠦᠮᠳᠡᠯ ᠨᠢᠭᠳᠠᠷᠠᠯ ᠤᠨ ᠤᠬᠢ ᠰᠠᠶᠢᠨ ᠪᠠᠶᠢᠳᠠᠯ ᠢ ᠤᠯᠠᠮ ᠨᠢᠭᠡ ᠠᠯᠬᠤᠮ ᠪᠠᠳᠤᠳᠬᠠᠪᠠ᠃ ᠡᠬᠦᠨ ᠤ ᠳᠠᠭᠠᠤ ᠭᠠᠵᠠᠷ ᠬᠦᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠤᠬᠡ ᠣᠶᠢᠯᠠᠯᠭ᠎ᠠ᠂ ᠭᠠᠳᠠᠭᠠᠳᠤ ᠶᠠᠪᠤᠳᠠᠯ᠂  ᠭᠠᠳᠠᠭᠠᠳᠤ ᠳᠤ ᠰᠠᠭᠤᠭᠴᠢᠳ ᠤᠨ ᠶᠠᠪᠤᠳᠠᠯ ᠪᠣᠯᠤᠨ ᠡᠮᠡᠭᠲᠡᠶᠢᠴᠦᠳ ᠬᠡᠤᠬᠡᠳ᠂ ᠨᠠᠰᠤᠳᠠᠶᠢᠴᠤᠳ᠂ ᠵᠡᠮᠳᠡᠭᠴᠦᠳ ᠤᠨ ᠠᠵᠢᠯ ᠴᠦᠮ ᠰᠢᠨ᠎ᠡ ᠠᠬᠢᠴᠠ ᠲᠠᠢ ᠪᠣᠯᠪᠠ᠃     — ᠠᠮᠤᠷ ᠠᠮᠤᠭᠤᠯᠠᠩ ᠪᠠᠷᠠᠭᠤᠨ ᠦᠵᠦᠮᠦᠴᠢᠨ ᠤ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠡ᠃ ᠬᠠᠤᠯᠢ ᠢᠶᠠᠷ ᠤᠯᠤᠰ ᠢᠶᠠᠨ ᠵᠠᠰᠠᠬᠤ ᠳᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠵᠦ᠂ ᠬᠠᠣᠯᠢ ᠶᠢ ᠴᠢᠩᠭ᠎ᠠ ᠬᠡᠷᠡᠭᠵᠢᠭᠦᠯᠬᠦ᠂ ᠬᠠᠣᠯᠢ ᠴᠠᠭᠠᠵᠠ ᠶᠢ ᠲᠥᠪ ᠭᠤᠣᠯᠴᠢ ᠪᠠᠷ ᠬᠡᠷᠡᠭᠵᠢᠭᠦᠯᠭᠦ᠂ ᠪᠦᠬᠦ ᠠᠷᠠᠳ ᠢᠶᠠᠷ ᠢᠶᠠᠨ ᠬᠠᠤᠯᠢ ᠶᠢ ᠵᠢᠷᠤᠮᠯᠠᠬᠤ ᠶᠢ ᠴᠢᠩᠭᠠᠳᠬᠠᠪᠠ᠃ ᠠᠮᠤᠷ ᠠᠮᠤᠭᠤᠯᠠᠩ ᠢ ᠡᠭᠦᠳᠤᠨ ᠪᠠᠶᠢᠭᠤᠯᠬᠤ ᠢᠨᠵᠧᠨᠧᠷᠢᠩ ᠢ ᠬᠦᠴᠦᠲᠠᠢ ᠬᠡᠷᠡᠭᠵᠢᠭᠦᠯᠦᠨ᠂ ᠨᠡᠶᠢᠭᠡᠮ ᠤᠨ ᠵᠦᠷᠢᠴᠡᠯ ᠢ ᠨᠠᠮᠳᠠᠭᠤᠯᠬᠤ ᠵᠤᠬᠢᠴᠠᠮᠵᠢ ᠲᠠᠰᠤᠷᠠᠯᠲᠠ ᠦᠭᠡᠢ ᠪᠦᠷᠢᠨᠰᠢᠵᠦ ᠂ ᠨᠡᠶᠢᠭᠡᠮ ᠤᠨ ᠵᠠᠰᠠᠯᠲᠠ ᠶᠢᠨ ᠭ᠊ ᠵᠷᠢ ᠬᠡᠮᠵᠢᠶ᠎ᠡ ᠯᠠᠪᠳᠠᠭᠤᠨ ᠢᠶᠠᠷ ᠳᠡᠭᠡᠭᠰᠢᠯᠡᠪᠡ᠃ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂  ᠤᠯᠠᠨ ᠳᠦᠮᠡᠨ ᠤ ᠠᠰᠢᠭ ᠳᠤᠰᠠ ᠶᠢ ᠦᠨᠡᠨᠬᠦ ᠬᠠᠮᠠᠭᠠᠯᠠᠵᠠᠢ᠃  ᠵᠠᠬᠢᠳᠠᠯ ᠰᠤᠷᠪᠤᠯᠵᠢᠯᠠᠭ᠎ᠠ ᠶᠢᠨ ᠬᠤᠷᠠᠮᠳᠤᠭᠰᠠᠨ ᠬᠡᠷᠡᠭ ᠵᠠᠷᠭᠤ ᠶᠢ ᠳᠤᠬᠢᠳᠠᠢ ᠡᠶᠡᠳᠡᠬᠦᠯᠵᠦ ᠂ ᠨᠢᠬᠡ ᠪᠦᠯᠦᠭ ᠳᠡᠤᠬᠡᠨ ᠦᠯᠡᠳᠡᠭᠳᠡᠯ ᠠᠰᠠᠭᠤᠳᠠᠯ ᠢ ᠪᠦᠳᠦᠮᠵᠢᠳᠡᠢ ᠰᠢᠢᠳᠪᠤᠷᠢᠯᠡᠪᠡ᠃ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠠᠵᠢᠯ ᠢ ᠴᠢᠩᠭᠠᠳᠬᠠᠪᠠ᠃ ᠠᠷᠠᠳ ᠤᠨ ᠠᠭᠠᠷ ᠤᠨ ᠰᠡᠷᠭᠡᠶᠢᠯᠡᠯᠲᠡ ᠪᠠ ᠴᠡᠷᠢᠭ ᠢᠶᠠᠨ ᠬᠦᠷᠢᠶᠡᠯᠡᠵᠦ᠂ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠬᠢᠨᠠᠮᠠᠭᠠᠢ ᠰᠠᠶᠢᠲᠤᠷ ᠬᠢᠵᠤ᠂ ᠴᠡᠷᠢᠭ ᠠᠷᠠᠳ ᠤᠨ ᠠᠭᠤᠰᠤᠯᠴᠠᠨ ᠬᠦᠭᠵᠢᠬᠦ ᠶᠢ ᠠᠬᠢᠭᠤᠯᠤᠭᠰᠠᠨ ᠠᠴᠠ ᠮᠠᠨ ᠤ ᠬᠤᠰᠢᠭᠤ ᠨᠢ ᠦᠪᠡᠷᠳᠡᠬᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ︵ ᠰᠢᠶᠠᠨ︶︾ ᠎ ᠤ ᠬᠢᠨᠠᠨ ᠰᠢᠯᠭᠠᠯᠳᠠ ᠶᠢ ᠠᠮᠵᠢᠯᠳᠠᠳᠠᠢ ᠦᠩᠬᠡᠷᠡᠬᠦᠯᠵᠦ᠂ ᠡᠬᠡ ᠣᠯᠣᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠤᠭᠲᠠᠭᠤᠨ ᠤ ᠬᠠᠯᠬᠠᠪᠴᠢ ᠶᠢ ᠤᠯᠠᠮ ᠨᠢᠬᠡ ᠠᠯᠬᠤᠮ ᠪᠠᠳᠤᠳᠬᠠᠪᠠ᠃     — ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠬᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠦ ᠶᠢᠨ ᠶᠣᠰᠤ ᠳᠦᠷᠢᠮ ᠢ ᠴᠢᠩᠭ᠎ᠠ ᠰᠠᠬᠢᠵᠤ᠂ ᠲᠥᠪ ᠬᠤᠷᠢᠶ᠎ᠠ ᠶᠢᠨ ᠨᠡᠢᠮᠠᠨ ᠵᠦᠢᠯ ᠤᠨ ᠲᠣᠭᠲᠠᠭᠠᠯ ᠪᠣᠯᠤᠨ ᠦᠪᠡᠷᠳᠡᠭᠡᠨ ᠵᠠᠰᠠᠬᠤ ᠣᠷᠤᠨ ᠂ ᠠᠶᠢᠮᠠᠭ ᠤᠨ ᠬᠠᠮᠢᠶᠠᠳᠠᠢ ᠲᠣᠭᠲᠠᠭᠠᠯ ᠢ ᠴᠢᠩᠭ᠎ᠠ ᠬᠡᠷᠡᠭᠵᠢᠭᠦᠯᠤᠨ᠂ ᠨᠠᠮ ᠤᠨ ᠣᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠣᠯᠤᠨ ︽ᠭᠤᠷᠪᠠᠨ ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠳᠤ ᠬᠦᠮᠦᠵᠢᠯ ᠢ ᠭᠦᠨᠵᠡᠭᠡᠢ ᠦᠷᠨᠢᠭᠦᠯᠵᠦ᠂ ᠵᠠᠰᠠᠭ ᠵᠠᠬᠢᠷᠭᠠᠨ ᠤ ᠬᠡᠪ ᠰᠤᠷᠲᠠᠯ ᠢᠯᠡᠳᠲᠡ ᠰᠠᠶᠢᠵᠢᠷᠠᠵᠠᠢ᠃ ᠨᠠᠮ ᠤᠨ ᠰᠤᠷᠲᠠᠯ᠂ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠤᠬᠢᠴᠠᠮᠵᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠵᠠᠰᠠᠭ ᠢ ᠴᠣᠮᠬᠠᠳᠬᠠᠨ ᠡᠷᠬᠡ ᠪᠠᠨ ᠪᠠᠭᠤᠯᠭᠠᠬᠤ ᠶᠢ ᠬᠦᠴᠦᠳᠡᠢ ᠠᠳᠬᠤᠵᠤ᠂ ᠬᠤᠰᠢᠭᠤ ᠱᠠᠳᠤᠨ ᠎ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠪᠣᠯᠣᠨ ᠵᠠᠰᠠᠭ ᠵᠠᠬᠢᠷᠭᠠᠨ ᠤ ᠡᠷᠬᠡ ᠶᠢ ᠪᠦᠳᠦᠮᠵᠢᠳᠡᠢ ᠴᠤᠮᠬᠠᠳᠬᠠᠪᠠ᠃  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠬᠤᠰᠢᠭᠤ ᠱᠠᠳᠤᠨ ᠤ ︽ᠭᠤᠷᠪᠠᠨ ᠠᠯᠪᠠᠨ ᠵᠠᠷᠤᠳᠠᠯ︾᠎ ᠢ ᠪᠦᠳᠦᠮᠵᠢᠳᠡᠢ ᠪᠠᠭᠠᠰᠬᠠᠵᠦ᠂ 2013 ᠤᠨ ᠠᠴᠠ ᠡᠬᠢᠯᠡᠨ ᠵᠢᠯ ᠪᠦᠷᠢ ᠳᠤᠮᠳᠠᠴᠢ ᠪᠠᠷ 8%᠎ ᠪᠠᠷ ᠪᠠᠭᠤᠷᠠᠭᠤᠯᠪᠠ᠃ ᠠᠷᠠᠳ ᠤᠨ ᠲᠦᠯᠦᠭᠡᠯᠡᠭᠴᠢᠳ ᠵᠢᠴᠢ ᠳᠡᠬᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠤᠭᠠᠷ ᠬᠢᠨᠠᠯᠲᠠ ᠲᠠᠯᠪᠢᠬᠤ ᠪᠠ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠠᠨ ᠠᠪᠴᠤ᠂ ᠡᠶ᠎ᠡ ᠵᠤᠬᠢᠴᠠᠯᠳᠤ  ᠳᠤᠭᠳᠠᠩᠭᠤᠢ ᠪᠠᠶᠢᠳᠠᠯ ᠢ ᠤᠯᠠᠮ ᠨᠢᠬᠡ ᠠᠯᠬᠤᠮ ᠪᠠᠬᠢᠵᠢᠬᠦᠯᠦᠭᠰᠡᠨ ᠪᠠᠶᠢᠨ᠎ᠠ᠃     ᠲᠥᠯᠥᠭᠡᠯᠡᠭᠴᠢᠳ ᠡ᠂ ᠥᠩᠭᠡᠷᠡᠨ ᠣᠳᠣᠭᠰᠠᠨ 2015 ᠣᠨ ᠳᠤ᠂ ᠪᠢᠳᠡ ᠪᠦᠬᠦ ᠬᠤᠰᠢᠭᠤᠨ ᠤ ᠠᠷᠪᠠᠨ ᠲᠦᠷᠪᠡᠳᠣᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠣᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠪᠠᠨ ᠠᠮᠵᠢᠯᠲᠠ ᠲᠠᠢ ᠪᠠᠷ ᠪᠡᠶᠡᠯᠡᠭᠦᠯᠵᠤ᠂ ᠠᠵᠤ ᠠᠬᠤᠢ ᠶᠢᠨ ᠶᠡᠷᠤᠩᠬᠡᠢ ᠬᠡᠮᠵᠢᠶ᠎ᠡ ᠪᠡ ᠬᠤᠷᠳᠤᠴᠠ ᠪᠠᠷ ᠢᠶᠠᠨ ᠪᠦᠬᠦ ᠠᠶᠢᠮᠠᠭ ᠤᠨ ᠲᠡᠷᠢᠬᠦᠨ ᠤ ᠡᠩᠨᠡᠬᠡᠨ ᠳᠤ ᠤᠷᠤᠪᠠ᠃  ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠤᠷᠢᠯᠡᠯ ᠤᠨ ᠶᠡᠷᠤᠩᠬᠡᠢ ᠦᠷᠳᠡᠭ 115.3 ᠳ᠋ᠦᠩᠰᠢᠭᠤᠷ ᠲᠦᠬᠦᠷᠢᠭ ᠲᠤ ᠬᠦᠷᠴᠣ᠂ 12.5 %᠎ ᠪᠠᠷ ᠨᠡᠮᠡᠭᠳᠡᠨ᠂ ᠶᠡᠷᠤᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠤᠨ ᠬᠤᠶᠠᠳᠤᠭᠠᠷ ᠲᠤ ᠵᠢᠭᠰᠠᠭᠠᠭᠳᠠᠨ᠂  ᠦᠰᠦᠯᠳᠡ ᠶᠢᠨ ᠬᠤᠷᠳᠤᠴᠠ ᠪᠠᠷ ᠢᠶᠠᠨ ᠪᠦᠬᠦ ᠠᠶᠢᠮᠠᠭ ᠲᠤ ᠲᠡᠷᠢᠬᠦᠯᠡᠭᠰᠡᠨ ᠪᠠᠶᠢᠨ᠎ᠠ᠃ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠠᠯᠡ ᠤᠷᠤᠭᠤᠯᠤᠯᠳᠠ 83 ᠳ᠋ᠥᠩᠰᠢᠭᠤᠷ ᠲᠥᠬᠦᠷᠢᠭ ᠢ ᠪᠡᠶᠡᠯᠡᠭᠦᠯᠵᠤ᠂ 16.6%᠎ ᠪᠠᠷ ᠨᠡᠮᠡᠭᠳᠡᠨ᠂ ᠶᠡᠷᠤᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ ᠬᠤᠶᠠᠳᠤᠭᠠᠷ ᠲᠤ ᠵᠢᠭᠰᠠᠭᠠᠭᠳᠠᠨ᠂ ᠦᠰᠦᠯᠳᠡ ᠶᠢᠨ ᠬᠤᠷᠳᠤᠴᠠ ᠨᠢ ᠠᠷᠪᠠᠨ ᠬᠤᠶᠠᠳᠤᠭᠠᠷ ᠲᠤ ᠪᠠᠶᠢᠷᠢᠯᠠᠵᠦ ᠪᠠᠶᠢᠭᠰᠠᠨ ᠠᠴᠠ ᠪᠠᠨ ᠳᠦᠷᠪᠡᠳᠦᠬᠡᠷ ᠪᠠᠶᠢᠷᠢ ᠳᠤ ᠤᠷᠤᠭᠰᠠᠨ ᠪᠠᠶᠢᠨ᠎ᠠ᠃ ᠭᠠᠵᠠᠷ ᠤᠷᠤᠨ ᠤ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ 31.96 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ 5.9%᠎ ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ ᠬᠤᠶᠠᠳᠤᠭᠠᠷ ᠲᠤ ᠵᠢᠭᠰᠠᠭᠠᠭᠳᠠᠨ᠂ ᠨᠡᠮᠡᠭᠳᠡᠯ ᠬᠤᠷᠳᠤᠴᠠ ᠪᠠᠷ ᠎ ᠢᠶᠠᠨ ᠪᠦᠬᠦ ᠠᠶᠢᠮᠠᠭ ᠲᠤ ᠳᠡᠷᠢᠬᠦᠯᠡᠵᠦ᠂ ᠠᠷᠪᠠᠨ ᠨᠡᠷ᠎ᠡ ᠤᠷᠤᠭᠰᠢᠯᠠᠭᠰᠠᠨ ᠪᠠᠶᠢᠨ᠎ᠠ᠃ ᠡᠬᠦᠨ ᠳᠤ ᠤᠯᠠᠨ ᠨᠡᠶᠢᠳᠡ ᠎ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 18.97 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ 7.5%᠎ ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ ᠬᠤᠶᠠᠳᠤᠭᠠᠷ᠂ ᠪᠦᠬᠦ ᠣᠷᠣᠨ ᠳᠤ ᠠᠷᠪᠠᠨ ᠲᠤᠯᠤᠳᠤᠭᠠᠷ ᠲᠤ ᠪᠠᠶᠢᠷᠢᠯᠠᠵᠦ᠂ ᠲᠡᠬᠡᠷ᠎ᠡ ᠵᠢᠯ ᠠᠴᠠ ᠪᠠᠨ ᠤᠷᠤᠭᠰᠢ ᠨᠢᠬᠡ ᠪᠠᠶᠢᠷᠢ ᠳᠠᠪᠰᠢᠭᠰᠠᠨ ᠪᠠᠶᠢᠨ᠎ᠠ᠃ ᠪᠦᠬᠦ ᠬᠤᠰᠢᠭᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠤᠷᠤᠯᠭ᠎ᠠ 25226 ᠲᠦᠬᠦᠷᠢᠭ ᠲᠤ ᠬᠦᠷᠴᠣ᠂ 8.5%᠎ ᠪᠠᠷ ᠨᠡᠮᠡᠭᠳᠡᠵᠤ᠂ ᠶᠡᠷᠣᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ ᠲᠠᠪᠣᠳᠣᠭᠠᠡᠷ ᠲᠤ ᠵᠢᠭᠰᠭᠠᠭᠳᠠᠵᠦ᠂ ᠨᠡᠮᠡᠭᠳᠡᠯ ᠤᠨ ᠬᠤᠷᠳᠣᠴᠡ ᠪᠠᠷ ᠢᠶᠠᠨ ᠭᠤᠷᠪᠠᠳᠤᠭᠠᠷ ᠲᠤ ᠤᠷᠤᠪᠠ︔ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠤᠷᠤᠯᠭ᠎ᠠ 30910 ᠲᠦᠬᠦᠷᠢᠭ ᠲᠤ ᠬᠦᠷᠴᠦ᠂ 8.7%᠎ ᠪᠠᠷ ᠨᠡᠮᠡᠭᠳᠡᠵᠤ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ ᠲᠦᠷᠪᠡᠳᠣᠭᠡᠷ᠂ ᠨᠡᠮᠡᠭᠳᠡᠯ ᠤᠨ ᠬᠤᠷᠳᠣᠴᠡ ᠪᠠᠷ ᠢᠶᠠᠨ ᠵᠢᠷᠭᠤᠳᠣᠭᠠᠷ ᠲᠤ ᠤᠷᠤᠵᠤ᠂ ᠤᠷᠤᠭᠰᠢ ᠨᠢᠬᠡ ᠪᠠᠶᠢᠷᠢ ᠲᠠᠪᠰᠢᠪᠡ︔ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠣᠨ ᠪᠦᠷᠢ ᠶᠢᠨ ᠳᠤᠮᠳᠠᠴᠢ ᠴᠡᠪᠡᠷ ᠤᠷᠤᠯᠭ᠎ᠠ 20286 ᠲᠦᠬᠦᠷᠢᠭ ᠲᠤ ᠬᠦᠷᠴᠦ᠂ 8.2%᠎ ᠪᠠᠷ ᠨᠡᠮᠡᠭᠳᠡᠵᠤ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ ᠲᠦᠷᠪᠡᠳᠣᠭᠡᠷ᠂ ᠨᠡᠮᠡᠭᠳᠡᠯ ᠤᠨ ᠬᠤᠷᠳᠣᠴᠡ ᠪᠠᠷ ᠢᠶᠠᠨ ᠵᠢᠷᠭᠤᠳᠣᠭᠠᠷ ᠲᠤ ᠤᠷᠤᠵᠠᠢ᠃ ᠪᠦᠬᠦ ᠨᠡᠶᠢᠬᠡᠮ ᠎ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠢ ᠦᠷᠳᠡᠭ 18.8 ᠳ᠋ᠦᠩᠰᠢᠭᠤᠷ ᠲᠦᠬᠦᠷᠢᠭ ᠲᠤ ᠬᠦᠷᠴᠦ᠂ 7.4%᠎ ᠪᠠᠷ ᠨᠡᠮᠡᠭᠳᠡᠵᠤ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠬᠤᠷᠳᠣᠴᠡ ᠪᠠᠷ ᠢᠶᠠᠨ ᠴᠦᠮ ᠪᠦᠬᠦ ᠠᠶᠢᠮᠠᠭ ᠲᠤ ᠲᠦᠷᠪᠡᠳᠣᠭᠡᠷ ᠲᠤ ᠤᠷᠤᠵᠣ᠂ ᠠᠵᠤ ᠠᠬᠤᠢ ᠶᠢᠨ ᠡᠷᠬᠢᠯᠳᠡ ᠳᠤᠭᠳᠠᠭᠤᠨ ᠰᠠᠶᠢᠨ ᠤᠷᠤᠭᠰᠢᠯᠠᠭᠰᠠᠨ ᠪᠠᠶᠢᠳᠠᠯ ᠢ ᠪᠤᠢ ᠪᠤᠯᠭᠠᠵᠠᠢ᠃ ᠨᠢᠬᠡ ᠵᠢᠯ ᠤᠨ ᠳᠤᠷᠰᠢ᠂  ᠪᠢᠳᠡ ᠭᠤᠤᠯᠳᠠᠭᠤ ᠳᠤᠤᠷᠠᠬᠢ ᠠᠵᠢᠯ ᠢ ᠬᠢᠪᠡ᠃     ︵ᠨᠢᠭᠡ︶ ᠮᠠᠯ ᠠᠵᠣ ᠠᠬᠤᠢ ᠶᠢᠨ ᠠᠵᠣ ᠦᠢᠯᠡᠰᠵᠢᠯᠳᠠ ᠶᠢᠨ ᠠᠬᠢᠴᠠ ᠶᠢ ᠲᠦᠷᠭᠡᠳᠬᠡᠪᠠ᠃  ᠮᠠᠯ ᠤᠨ ᠡᠬᠦᠯᠳᠡᠷ ᠢ ᠰᠢᠯᠢᠳᠡᠭᠵᠢᠬᠦᠯᠬᠦ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠢ ᠠᠬᠢᠭᠤᠯᠤᠨ᠂ ᠦᠵᠦᠮᠦᠴᠢᠨ ᠬᠤᠨᠢᠨ ᠤ ᠰᠤᠩᠭᠤᠨ ᠪᠤᠶᠢᠵᠢᠭᠤᠯᠬᠤ ᠠᠵᠢᠯ ᠢ ᠴᠢᠩᠭᠠᠳᠬᠠᠵᠤ᠂ 15 ᠰᠢᠮᠧᠨ᠋ᠲᠷ ᠦᠬᠡᠷ᠂ ᠱᠠᠷᠦ᠋ᠯᠠᠢ ᠦᠬᠡᠷ ᠤᠨ ᠭᠤᠣᠯ ᠰᠦᠷᠦᠭ ᠪᠠ 3100 ᠪᠠᠷᠢᠮᠵᠢᠶᠠᠵᠢᠭᠰᠠᠨ ᠦᠵᠦᠮᠦᠴᠢᠨ ᠬᠤᠨᠢᠨ ᠰᠦᠷᠦᠭ ᠤᠨ ᠴᠢᠨᠠᠷ ᠢ ᠤᠯᠠᠮ ᠨᠢᠬᠡ ᠠᠯᠬᠤᠮ ᠪᠠᠬᠢᠵᠢᠬᠦᠯᠪᠡ᠃ ᠦᠵᠦᠮᠦᠴᠢᠨ ᠴᠠᠭᠠᠨ ᠠᠳᠤᠭᠤᠨ ᠤ ᠭᠤᠣᠯ ᠰᠦᠷᠦᠭ ᠤᠨ ᠪᠠᠶᠢᠭᠤᠯᠤᠯᠳᠠ ᠶᠢ ᠴᠢᠩᠭᠠᠳᠬᠠᠵᠦ᠂ ᠭᠠᠵᠠᠷ ᠤᠷᠤᠨ ᠤ ᠰᠢᠯᠢᠳᠡᠭ ᠡᠬᠦᠯᠳᠡᠷ ᠢ ᠬᠠᠮᠠᠭᠠᠯᠠᠪᠠ᠃  ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠡ ᠶᠢᠨ ᠭᠤᠤᠯ ᠴᠤᠭᠴᠠ ᠶᠢ ᠢᠳᠡᠪᠬᠢᠳᠡᠢ ᠬᠦᠭᠵᠢᠬᠦᠯᠵᠦ᠂ 20 ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠭᠤᠤᠯᠳᠠᠯᠭ᠎ᠠ ᠲᠠᠢ ᠪᠠᠶᠢᠭᠤᠯᠵᠦ᠂ ᠵᠢᠱᠢᠶᠡᠴᠢ ᠳᠠᠭᠠᠭᠤᠯᠤᠭᠴᠢ ᠦᠢᠯᠡᠳᠦᠯ ᠢ ᠨᠢ ᠬᠦᠢᠴᠡᠳ ᠪᠠᠳᠠᠷᠠᠭᠤᠯᠪᠠ᠃ ᠳᠤᠰᠬᠠᠢ ᠬᠤᠷᠰᠢᠶᠠᠵᠢᠯ ᠤᠨ ᠪᠠᠶᠢᠭᠤᠯᠤᠯᠳᠠ ᠶᠢ ᠴᠢᠩᠭᠠᠳᠬᠠᠨ᠂ ᠳᠤᠳᠤᠭᠠᠳᠤ ᠬᠠᠮᠢᠶᠠᠷᠤᠯᠳᠠ ᠶᠢ ᠨᠢ ᠳᠦᠷᠢᠮᠵᠢᠬᠦᠯᠵᠠᠢ᠃ ︽ᠥᠵᠦᠮᠦᠴᠢᠨ ᠬᠤᠨᠢᠨ︾ ᠮᠢᠬᠠᠨ ᠤ ᠢᠷᠡᠯᠲᠡ ᠶᠢ ᠬᠠᠶᠢᠬᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ ᠬᠡᠷᠡᠭᠵᠢᠬᠦᠯᠵᠦ᠂ 15 ᠲᠦᠮᠡᠨ ᠲᠣᠯᠤᠭᠠᠢ ᠬᠤᠷᠠᠭᠠᠨ ᠤ ᠮᠢᠬᠠᠨ ᠤ ᠢᠷᠡᠯᠳᠡ ᠶᠢ ᠬᠠᠶᠢᠬᠤ ᠰᠢᠰᠲ᠋ᠧᠮ ᠤᠨ ᠬᠡᠷ᠎ᠡ ᠶᠢ ᠳᠤᠭᠳᠠᠪᠠ᠃ ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ ᠢ ᠬᠦᠨᠵᠡᠬᠡᠢ ᠠᠬᠢᠭᠤᠯᠵᠦ᠂ ᠶᠠᠳᠠᠭᠤ ᠶᠢ ︽ᠨᠠᠷᠢᠨ ᠤᠨᠤᠪᠴᠢᠳᠠᠢ︾ ᠳᠡᠳᠬᠦᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠭᠤᠷᠪᠠ ᠶᠢ ᠬᠦᠳᠡᠭᠡ ᠳᠣᠰᠬᠤᠨ᠂ ᠡᠷᠦᠬᠡ ᠳᠤ ᠬᠦᠷᠭᠡᠬᠦ︾ ᠲᠥᠷᠦᠯ ᠵᠦᠢᠯ ᠢᠶᠠᠷ ᠶᠠᠳᠠᠭᠤ ᠶᠢ ᠳᠡᠳᠬᠦᠬᠦ᠂ ᠭᠠᠵᠠᠷ ᠣᠷᠤᠨ ᠤ ᠡᠳ᠋ ᠤᠨ ᠵᠠᠰᠠᠭ ᠠᠴᠠ ᠶᠠᠳᠠᠭᠤ ᠶᠢ ᠳᠡᠳᠬᠦᠬᠦ᠂ ᠬᠦᠳᠡᠯᠮᠦᠷᠢ ᠬᠦᠴᠦ ᠶᠢ ᠰᠢᠯᠵᠢᠬᠦᠯᠬᠦ ᠪᠠᠷ ᠶᠠᠳᠠᠭᠤ ᠶᠢ ᠳᠡᠳᠬᠦᠬᠦ᠂ ᠮᠥᠩᠭᠦᠨ ᠭᠦᠢᠯᠭᠡᠭᠡ ᠎ ᠪᠠᠷ ᠶᠠᠳᠠᠭᠤ ᠶᠢ ᠳᠡᠳᠬᠦᠬᠦ᠂ ᠨᠡᠶᠢᠭᠡᠮ ᠤᠨ ᠬᠦᠴᠦ ᠶᠢ ᠳᠠᠶᠢᠴᠢᠯᠠᠵᠤ ᠶᠠᠳᠠᠭᠤ ᠶᠢ ᠳᠡᠳᠬᠦᠬᠦ ᠵᠠᠷᠭᠡ ᠤᠯᠠᠨ ᠠᠷᠭ᠎ᠠ ᠠᠪᠴᠢᠯ ᠢ ᠠᠪᠴᠦ᠂ 348 ᠡᠷᠦᠬᠡ ᠶᠢᠨ 1061 ᠬᠥᠮᠦᠨ ᠢ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠵᠦ᠂ ᠡᠷᠦᠭᠡ ᠪᠦᠷᠢ ᠶᠢᠨ ᠳᠤᠮᠳᠠᠴᠢ ᠴᠡᠪᠡᠷ ᠣᠷᠤᠯᠭ᠎ᠠ ᠶᠢ 5000 ᠲᠥᠬᠦᠷᠢᠭ ᠠᠴᠠ ᠲᠡᠭᠡᠭᠰᠢ ᠨᠡᠮᠡᠭᠳᠡᠬᠦᠯᠵᠦ᠂ ᠳᠠᠬᠢᠨ ᠶᠠᠳᠠᠭᠤᠷᠠᠬᠤ ᠨᠤᠷᠮ᠎ᠠ ᠶᠢ 4%  ᠎ ᠶᠢᠨ ᠳᠤᠳᠤᠷ᠎ᠠ ᠬᠢᠵᠠᠭᠠᠷᠯᠠᠭᠰᠠᠨ ᠪᠠᠶᠢᠨ᠎ᠠ᠃     ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠰᠠᠶᠢᠵᠢᠷᠠᠪᠠ᠃  ᠠᠵᠤ ᠠᠬᠤᠶᠢᠯᠠᠯ ᠎ ᠢ ᠢᠳᠡᠪᠬᠢᠳᠡᠢ ᠬᠠᠪᠰᠤᠷᠤᠨ᠂ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ᠂  ᠪᠦᠳᠦᠬᠡᠭᠳᠡᠬᠦᠨ ᠢ ᠭᠠᠳᠠᠭᠰᠢ ᠵᠦᠬᠡᠬᠡᠪᠦᠷᠢᠯᠡᠬᠦ ᠵᠡᠷᠬᠡ ᠪᠤᠳᠠᠳᠤ ᠠᠰᠠᠭᠤᠳᠠᠯ ᠢ ᠨᠢ ᠰᠢᠢᠳᠪᠤᠷᠢᠯᠡᠵᠦ᠂ ᠠᠵᠤ ᠠᠬᠤᠶᠢᠯᠠᠯ ᠤᠨ ᠳᠤᠭᠳᠠᠭᠤᠨ ᠡᠷᠬᠢᠯᠳᠦᠬᠦ ᠶᠢ ᠠᠬᠢᠭᠤᠯᠪᠠ᠃  ᠦᠪᠦᠷ ᠮᠤᠩᠭᠤᠯ ᠤᠨ ᠬᠢᠩᠭᠠᠨ ᠵᠡᠰ ᠴᠠᠶᠢᠷ ᠬᠠᠶᠢᠯᠣᠭᠤᠯᠣᠨ ᠪᠣᠯᠪᠠᠰᠣᠷᠠᠭᠤᠯᠬᠤ ᠺᠣᠮᠫᠠᠨᠢ ᠶᠢ ᠴᠠᠬᠢᠯᠭᠠᠨ ᠬᠦᠴᠦᠨ ᠤ ᠤᠯᠠᠨ ᠲᠠᠯ᠎ᠠ ᠶᠢᠨ ᠰᠤᠯᠢᠯᠴᠠᠭᠠᠨ ᠤ ᠬᠡᠪᠴᠢᠶᠡᠨ ᠳᠤ ᠤᠷᠤᠭᠤᠯᠪᠠ᠃ ᠵᠠᠭᠦᠨ ᠬᠤᠶᠢᠲᠤ ᠶᠢᠨ ᠴᠠᠬᠢᠯᠭᠠᠨ ᠲᠤᠤᠷ ᠤᠨ ᠺᠣᠮᠫᠠᠨᠢ ᠲᠠᠢ ᠢᠳᠡᠪᠬᠢᠳᠡᠢ ᠬᠠᠷᠢᠯᠴᠠᠭᠰᠠᠨ ᠠᠴᠠ ᠪᠠᠷᠠᠭᠤᠨ ᠦᠵᠦᠮᠦᠴᠢᠨ ᠬᠤᠰᠢᠭᠤᠨ ᠤ ᠶᠢᠨ ᠱᠠᠨ ᠴᠠᠬᠢᠯᠭᠠᠨ ᠭᠠᠷᠭᠠᠬᠤ ᠺᠣᠮᠫᠠᠨᠢ ᠳᠤ ᠰᠢᠨ᠎ᠡ ᠪᠠᠷ ᠴᠠᠬᠢᠯᠭᠠᠨ ᠡᠭᠦᠰᠬᠡᠬᠦ ᠬᠡᠮᠵᠢᠶ᠎ᠡ 1.5 ᠳ᠋ᠥᠩᠰᠢᠭᠤᠷ ᠺᠢᠯᠤᠸᠠᠲ ᠴᠠᠭ  ᠨᠡᠮᠡᠭᠳᠡᠬᠦᠯᠪᠡ᠃ ᠶᠢᠨ ᠲᠠᠢ ᠡᠳ᠋ ᠪᠠᠶᠠᠯᠢᠭ ᠤᠨ ᠬᠤᠪᠢ ᠣᠷᠤᠭᠤᠯᠬᠤ ᠬᠢᠵᠠᠭᠠᠷᠲᠤ ᠺᠣᠮᠫᠠᠨᠢ ᠶᠢ ᠮᠠᠨ ᠤ ᠬᠤᠰᠢᠭᠤᠨ ᠳᠤ ᠰᠠᠭᠤᠷᠢᠰᠢᠭᠤᠯᠤᠨ᠂ ᠮᠠᠨ ᠤ ᠠᠶᠢᠮᠠᠭ ᠤᠨ ᠠᠩᠬᠠᠳᠠᠭᠴᠢ ᠵᠠᠬ᠎ᠠ ᠳᠤ ᠭᠠᠷᠤᠭᠰᠠᠨ ᠺᠤᠮᠫᠠᠨᠢ ᠪᠤᠯᠤᠭᠰᠠᠨ ᠪᠠᠶᠢᠨ᠎ᠠ᠃ 2015 ᠤᠨ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ 29 ᠡᠷᠦᠬᠡ ᠳᠤ ᠬᠦᠷᠴᠦ᠂ ᠡᠭᠦᠨ ᠳᠤ 13 ᠡᠷᠦᠬᠡ ᠶᠢᠨ ᠦᠢᠯᠡᠳᠪᠦᠷᠢᠯᠡᠯ ᠤᠨ ᠥᠷᠲᠡᠭ ᠨᠢ ᠳ᠋ᠥᠩᠰᠢᠭᠤᠷ ᠲᠥᠬᠦᠷᠢᠭ ᠢ ᠳᠠᠪᠠᠨ᠂ ᠨᠡᠮᠡᠭᠳᠠᠯ ᠥᠷᠳᠡᠭ ᠨᠢ 65.3 ᠳ᠋ᠥᠩᠰᠢᠭᠤᠷ ᠲᠥᠬᠦᠷᠢᠭ ᠢ ᠪᠡᠶᠡᠯᠡᠬᠦᠯᠵᠦ᠂ 15.5%᠎ ᠪᠠᠷ ᠨᠡᠮᠡᠭᠳᠡᠪᠡ᠃ ᠦᠢᠯᠡᠴᠢᠯᠡᠭᠡ ᠶᠢ ᠰᠠᠶᠢᠳᠤᠷ ᠬᠢᠬᠦ ᠶᠢᠨ ᠬᠠᠮᠳᠤ᠂ ᠬᠢᠨᠠᠨ ᠬᠠᠮᠢᠶᠠᠷᠤᠯᠳᠠ ᠪᠠᠨ ᠴᠢᠩᠭᠠᠳᠬᠠᠵᠦ᠂ ᠠᠶᠤᠯᠬᠦᠢ ᠦᠢᠯᠡᠳᠪᠤᠷᠢᠯᠡᠯ ᠤᠨ ᠠᠵᠢᠯ ᠢ ᠰᠠᠶᠢᠳᠤᠷ ᠠᠳᠬᠤᠵᠦ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠴᠢᠬᠤᠯᠠ ᠠᠵᠢᠯ ᠳᠦᠷᠦᠯ ᠢ ᠨᠠᠷᠢᠨ ᠪᠠᠶᠢᠴᠠᠭᠠᠵᠦ᠂ ᠬᠡᠮ ᠰᠤᠭᠤᠭ ᠢ ᠴᠠᠭ ᠳᠤᠬᠠᠢ ᠳᠤᠨᠢ ᠵᠠᠰᠠᠨ ᠴᠡᠭᠴᠡᠯᠡᠨ᠂ ᠪᠦᠬᠦ ᠬᠤᠰᠢᠭᠤᠨ ᠤ ᠠᠶᠤᠯᠬᠦᠢ ᠦᠢᠯᠡᠳᠪᠤᠷᠢᠯᠡᠯ ᠤᠨ ᠪᠠᠶᠢᠳᠠᠯ ᠶᠡᠷᠤᠩᠬᠡᠢ ᠳᠡᠭᠡᠨ ᠳᠤᠭᠳᠠᠭᠤᠨ ᠪᠠᠶᠢᠬᠤ ᠶᠢ ᠪᠠᠳᠤᠯᠠᠪᠠ᠃ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢ ᠳᠦᠷᠬᠡᠳᠬᠡᠵᠦ᠂ ᠡᠯ᠎ᠡ ᠳᠦᠷᠦᠯ ᠤᠨ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠳᠤᠮᠳᠠ ᠪᠠᠭ᠎ᠠ ᠠᠵᠤ ᠠᠬᠤᠶᠢᠯᠠᠯ ᠳᠤ ᠪᠠᠭ᠎ᠠ ᠳᠤᠭᠠᠨ ᠤ ᠪᠠᠳᠤᠯᠠᠭᠠᠳᠤ ᠵᠢᠬᠡᠯᠡᠯᠬᠡ ᠤᠯᠭᠤᠬᠤ ᠳᠦᠷᠦ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠵᠦ᠂ ᠵᠢᠬᠡᠯᠡᠯᠬᠡ ᠶᠢᠨ ᠳᠤᠭ᠎ᠠ ᠶᠢ ᠨᠢ ᠨᠡᠮᠡᠭᠳᠡᠬᠦᠯᠦᠨ᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠮᠦᠩᠬᠦᠨ ᠤ ᠬᠦᠴᠢᠷᠳᠡᠯ ᠢ ᠰᠢᠢᠳᠪᠤᠷᠢᠯᠡᠪᠡ᠃ ᠪᠦᠬᠦ ᠬᠤᠰᠢᠭᠤᠨ ᠤ ᠨᠡᠶᠢᠳᠡ ᠶᠢᠨ ᠦᠮᠴᠢᠯᠡᠯ ᠤᠨ ᠪᠤᠰᠤ ᠳᠦᠷᠢᠮᠳᠤ ᠠᠵᠤ ᠠᠬᠤᠶᠢᠯᠠᠯ 1100 ᠡᠷᠦᠬᠡ ᠳᠤ ᠬᠦᠷᠴᠤ᠂ 21%᠎ ᠪᠠᠷ ᠨᠡᠮᠡᠭᠳᠡᠨ᠂ 2.7 ᠳᠦᠮᠡᠨ ᠬᠦᠮᠦᠨ ᠳᠤ ᠠᠵᠢᠯ ᠤᠨ ᠪᠠᠶᠢᠷᠢ ᠬᠠᠩᠭᠠᠪᠠ᠃ ᠪᠠᠯᠭᠠᠷᠭᠤᠤᠯ ᠪᠤᠳᠠᠰ ᠤᠨ ᠬᠦᠢᠯᠬᠡᠬᠡᠨ ᠤ ᠳᠤᠭᠤᠷᠢᠭ ᠤᠨ ᠪᠠᠶᠢᠭᠤᠯᠤᠯᠳᠠ ᠶᠢ ᠳᠦᠯᠬᠢᠨ ᠠᠬᠢᠭᠤᠯᠵᠦ᠂ ᠳᠤᠮᠳᠠ ᠪᠠᠭ᠎ᠠ ᠠᠵᠤ ᠠᠬᠤᠶᠢᠯᠠᠯ ᠳᠤ ᠬᠦᠭᠵᠢᠯᠳᠡ ᠶᠢᠨ ᠳᠠᠪᠴᠠᠩ ᠬᠠᠩᠭᠠᠭᠰᠠᠨ ᠠᠴᠠ ᠣᠳᠣ ᠪᠣᠯᠬᠤ ᠳᠤ ᠨᠡᠶᠢᠳᠠ 12 ᠠᠵᠣ ᠠᠬᠤᠶᠢᠯᠠᠯ ᠰᠠᠭᠤᠷᠢᠰᠢᠬᠤ ᠪᠠᠷ ᠭᠤᠶᠣᠴᠢᠯᠠᠵᠣ ᠪᠠᠶᠢᠨ᠎ᠠ᠃     ︵ᠭᠤᠷᠪᠠ︶ ᠲᠥᠷᠦᠯ ᠵᠦᠢᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃  ᠭᠤᠤᠯᠳᠠᠯᠭ᠎ᠠ ᠎ ᠲᠠᠢ ᠳᠦᠷᠦᠯ ᠵᠦᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠬᠦᠯᠵᠦ᠂ ᠲᠦᠷᠦᠯ ᠵᠦᠢᠯ ᠤᠨ ᠪᠠᠶᠢᠭᠤᠯᠤᠯᠲᠠ ᠎ ᠶᠢᠨ ᠠᠵᠢᠯ ᠢ ᠪᠥᠬᠦ ᠬᠦᠴᠦᠨ ᠢᠶᠠᠷ ᠠᠬᠢᠭᠤᠯᠵᠠᠢ᠃ ᠪᠠᠶᠠᠩᠬᠤᠸᠠ ᠠᠵᠤ ᠦᠢᠯᠡᠳᠪᠦᠷᠢ ᠶᠢᠨ ᠲᠣᠭᠤᠷᠢᠭ ᠢ ᠳᠡᠰᠵᠢᠬᠦᠯᠬᠦ ᠠᠵᠢᠯ ᠢ ᠠᠬᠢᠭᠤᠯᠵᠦ᠂  ᠠᠵᠤ ᠠᠬᠤᠶᠢᠯᠠᠯ ᠢ ᠳᠤᠭᠤᠷᠢᠭ ᠲᠤ ᠳᠦᠪᠯᠡᠷᠡᠬᠦᠯᠬᠦ ᠪᠠ ᠠᠵᠤ ᠦᠢᠯᠡᠰ ᠢ ᠳᠤᠭᠤᠷᠢᠭ ᠲᠤ ᠨᠢᠭᠳᠠᠷᠠᠭᠤᠯᠬᠤ ᠶᠢ ᠠᠬᠢᠭᠤᠯᠤᠭᠰᠠᠨ ᠠᠴᠠ ᠪᠦᠬᠦ ᠬᠤᠰᠢᠭᠤᠨ ᠤ ᠠᠵᠤ ᠦᠢᠯᠡᠳᠪᠤᠷᠢ ᠶᠢᠨ ᠠᠵᠤ ᠠᠬᠤᠢ ᠶᠢᠨ ᠠᠯᠤᠰ ᠬᠡᠳᠤ ᠶᠢᠨ ᠬᠦᠭᠵᠢᠯᠳᠡ ᠳᠤ ᠰᠠᠭᠤᠷᠢ ᠳᠠᠯᠪᠢᠭᠰᠠᠨ ᠪᠠᠶᠢᠨ᠎ᠠ᠃ ᠪᠥᠬᠦ ᠬᠤᠰᠢᠭᠤᠨ ᠤ 500 ᠲᠦᠮᠡᠨ ᠲᠥᠭᠦᠷᠢᠭ ᠠᠴᠠ ᠳᠡᠭᠡᠭᠰᠢᠬᠢ ᠳᠤᠭᠳᠠᠮᠠᠯ ᠬᠦᠷᠦᠩᠬᠡ ᠶᠢᠨ ᠪᠡᠯᠡ ᠣᠷᠤᠭᠤᠯᠤᠯᠳᠠ ᠲᠠᠢ ᠲᠥᠷᠦᠯ ᠵᠦᠢᠯ 78 ᠵᠦᠢᠯ ᠢ   ᠳᠤᠬᠢᠷᠠᠭᠤᠯᠵᠦ᠂ 83 ᠳ᠋ᠦᠩᠰᠢᠭᠤᠷ ᠳᠦᠬᠦᠷᠢᠭ ᠪᠡᠯᠡ ᠤᠷᠤᠭᠤᠯᠤᠨ᠂ 16.6%᠎ ᠪᠠᠷ ᠨᠡᠮᠡᠭᠳᠡᠵᠠᠢ᠃ ᠬᠤᠣ ᠷᠦᠩ ᠪᠦᠯᠦᠭᠯᠡᠯ ᠤᠨ ᠵᠢᠯ ᠳᠤ 10 ᠲᠦᠮᠡᠨ ᠲᠣᠨ ᠨᠢᠺᠧᠯ ᠬᠠᠶᠢᠯᠤᠭᠤᠯᠤᠨ ᠪᠣᠯᠪᠠᠰᠣᠷᠠᠭᠤᠯᠬᠤ ᠲᠦᠷᠦᠯ ᠵᠦᠢᠯ ᠢ ᠳᠤᠭᠳᠠᠭᠤᠨ ᠢᠶᠠᠷ ᠠᠬᠢᠭᠤᠯᠵᠦ᠂ ᠦᠪᠣᠷ ᠮᠣᠩᠭᠤᠯ ᠤᠨ ᠬᠢᠩᠭᠠᠨ ᠵᠡᠰ ᠴᠠᠶᠢᠷ ᠬᠠᠶᠢᠯᠣᠭᠤᠯᠣᠨ ᠪᠣᠯᠪᠠᠰᠣᠷᠠᠭᠤᠯᠬᠤ ᠺᠣᠮᠫᠠᠨᠢ ᠶᠢᠨ ᠬᠤᠶᠠᠳᠣᠭᠠᠷ ᠬᠤᠭᠤᠴᠠᠭᠠᠨ ᠤ 2×5 ᠳᠦᠮᠡᠨ ᠺᠢᠯᠣᠸᠠᠲ ᠦᠪᠡᠷᠳᠡᠬᠡᠨ ᠪᠡᠯᠡᠳᠬᠡᠬᠦ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠵᠢᠴᠢ ᠢᠯᠴᠢ ᠶᠢ ᠶᠡᠷᠤᠩᠬᠡᠶᠢᠯᠡᠨ ᠠᠰᠢᠭᠯᠠᠬᠤ ᠳᠦᠷᠦᠯ ᠵᠦᠢᠯ  ᠎ ᠢ ᠠᠰᠢᠭᠯᠠᠯᠳᠠ ᠳᠤ ᠤᠷᠤᠭᠤᠯᠵᠠᠢ᠃ ᠬᠤᠸᠠ ᠷᠦᠨ ᠪᠦᠯᠦᠭᠯᠡᠯ ᠤᠨ ᠡᠣ ᠵᠢᠶᠠᠨ ᠹᠠᠩ ᠳᠠᠬᠢ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠢᠨᠵᠧᠨᠧᠷᠢᠩ ᠪᠠ ᠵᠢᠩ ᠨᠧᠩ ᠪᠦᠯᠦᠭᠯᠡᠯ ᠤᠨ ᠡᠣ ᠵᠢᠶᠠᠨ ᠹᠠᠩ ᠳᠠᠬᠢ 2×66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠲᠥᠷᠦᠯ ᠵᠦᠢᠯ ᠤᠨ ᠭᠤᠤᠯ ᠦᠢᠯᠡᠳᠪᠤᠷᠢ ᠶᠢᠨ ᠬᠡᠷ ᠤᠨ ᠰᠠᠭᠤᠷᠢ ᠶᠢ ᠳᠠᠯᠪᠢᠵᠦ᠂ ᠭᠤᠤᠯ ᠳᠦᠬᠦᠬᠡᠷᠦᠮᠵᠢ ᠶᠢ ᠨᠢ ᠨᠢᠬᠡᠨᠳᠡ ᠵᠠᠬᠢᠶᠠᠯᠠᠭᠰᠠᠨ ᠪᠠᠶᠢᠨ᠎ᠠ︔ ᠶᠢᠨ ᠮᠠᠨ ᠠᠭᠤᠷᠬᠠᠢ ᠶᠢᠨ ᠦᠢᠯᠡᠰ ᠤᠨ ᠪᠠᠶᠠᠨᠴᠠᠭᠠᠨ ᠎ ᠤ ᠡᠳᠣᠷ ᠲᠤ 5000 ᠲᠣᠨ ᠴᠠᠶᠢᠷ ᠦᠩᠬᠡᠳᠣ ᠲᠡᠮᠦᠷᠯᠢᠭ ᠢ ᠰᠣᠩᠭᠤᠨ ᠪᠣᠯᠪᠠᠰᠣᠷᠠᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠪᠠ ᠳᠦᠬᠦᠬᠡᠷᠦᠮᠵᠢ ᠤᠭᠰᠠᠷᠠᠬᠤ ᠠᠵᠢᠯ ᠨᠢᠬᠡᠨᠳᠡ ᠳᠠᠭᠤᠰᠪᠠ︔ ᠵᠦᠩ ᠳ᠋ᠢᠶᠠᠨ ᠲᠸᠣ ᠪᠦᠯᠦᠭᠯᠡᠯ ᠤᠨ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ᠂ ᠪᠠᠶᠠᠩᠬᠤᠸᠠ ᠎ ᠳᠠᠬᠢ ᠶᠢᠨ ᠱᠠᠨ ᠪᠦᠯᠦᠭᠯᠡᠯ ᠤᠨ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠪᠠ  ᠵᠦᠩ ᠳ᠋ᠢᠶᠠᠨ ᠲᠸᠣ ᠪᠦᠯᠦᠭᠯᠡᠯ ᠤᠨ 80 ᠲᠦᠮᠡᠨ ᠲᠣᠨ ᠨᠠᠷᠢᠯᠢᠭᠵᠢᠭᠤᠯᠣᠭᠰᠠᠨ ᠬᠦᠩᠬᠡᠨ ᠴᠠᠭᠠᠨ ᠤ ᠬᠠᠪᠳᠠᠰᠣ ᠪᠣᠯᠪᠠᠰᠣᠷᠠᠭᠤᠯᠬᠤ ᠲᠦᠷᠦᠯ ᠵᠦᠢᠯ ᠤᠨ ︵ᠨᠢᠬᠡᠳᠣᠬᠡᠷ ᠬᠤᠭᠤᠴᠠᠭ᠎ᠠ︶ 40 ᠲᠦᠮᠡᠨ ᠲᠣᠨ ᠵᠢᠴᠢ ᠢᠵᠢ ᠪᠦᠷᠢᠳᠦᠭᠰᠡᠨ 2×35 ᠳᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠳᠦᠷᠦᠯ ᠵᠦᠢᠯ ᠤᠨ ᠤᠷᠢᠳᠤᠬᠢ ᠬᠤᠭᠤᠴᠠᠭᠠᠨ ᠤ ᠠᠵᠢᠯ ᠤᠨ ᠠᠬᠢᠴᠠ ᠶᠢ ᠳᠠᠰᠤᠷᠠᠯᠲᠠ ᠦᠭᠡᠢ ᠳᠦᠷᠬᠡᠳᠬᠡᠭᠰᠡᠨ ᠠᠴᠠ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠱᠠᠳᠤ ᠳᠠᠷᠠᠭᠠᠯᠠᠯ ᠲᠠᠢ ᠳᠦᠯᠬᠢᠨ ᠠᠬᠢᠭᠤᠯᠤᠭᠰᠠᠨ ᠤᠬᠢ ᠰᠠᠶᠢᠨ ᠪᠠᠶᠢᠳᠠᠯ ᠢ ᠪᠣᠢ ᠪᠣᠯᠭᠠᠵᠠᠢ᠃     ︵ᠳᠦᠷᠪᠠ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠪᠠ᠃ ︽ᠬᠤᠶᠠᠷ ᠶᠡᠭᠡ ᠭᠤᠣᠯ ᠰᠡᠳᠣᠪᠳᠣ ᠠᠵᠢᠯᠯᠠᠭ᠎ᠠ᠂ ᠲᠦᠷᠪᠡᠨ ᠲᠦᠷᠦᠯ ᠤᠨ ᠰᠣᠶᠣᠯ ᠲᠠᠮᠢᠷ ᠤᠨ ᠣᠷᠣᠯᠳᠣᠭᠠᠨ︾᠎ ᠢ ᠦᠷᠭᠦᠯᠵᠢᠯᠡᠨ ᠡᠷᠬᠢᠯᠡᠵᠦ᠂ ᠠᠭᠤᠯᠭ᠎ᠠ ᠶᠢ ᠨᠢ ᠤᠯᠠᠮ ᠨᠢᠬᠡ ᠠᠯᠬᠤᠮ ᠪᠠᠶᠠᠯᠢᠭᠵᠢᠭᠤᠯᠪᠠ᠃ ᠪᠡᠭᠡᠵᠢᠩ ᠳᠤ ᠭᠤᠷᠪᠠᠳᠤᠭᠠᠷ ᠬᠤᠭᠤᠴᠠᠭᠠᠨ ᠤ ︽ᠲᠣᠮᠳᠠᠳᠣ ᠣᠯᠣᠰ ᠤᠨ ᠴᠠᠭᠠᠨ ᠠᠳᠣᠭᠤᠨ ᠤ ᠨᠣᠳᠤᠭ︾ ᠰᠣᠶᠣᠯ ᠤᠨ ᠨᠠᠶᠢᠷ ᠵᠢᠴᠢ ᠲᠠᠯ᠎ᠠ ᠨᠤᠳᠤᠭ ᠤᠨ ᠤᠷᠠᠯᠢᠭ ᠤᠨ ᠪᠥᠲᠦᠭᠡᠯ ᠤᠨ ᠳᠡᠯᠭᠡᠨ ᠦᠵᠡᠬᠦᠯᠦᠯᠬᠡ ᠶᠢ ᠠᠮᠵᠢᠯᠲᠠ ᠲᠠᠢ ᠡᠷᠬᠢᠯᠡᠨ᠂ ᠠᠩᠬᠠᠳᠤᠭᠠᠷ ᠬᠤᠭᠤᠴᠠᠭᠠᠨ ᠤ ᠨᠠᠢᠮᠠᠨ ᠮᠤᠵᠢ ᠣᠷᠤᠨ ᠤ ︽ᠵᠠᠭᠤᠨᠠᠰᠤᠳᠤ ᠬᠤᠨᠳᠠᠭᠠᠳᠤ︾ ᠤᠷᠲᠤ ᠶᠢᠨ ᠳᠠᠭᠤᠨ ᠤ ᠤᠷᠤᠯᠳᠤᠭᠠᠨ ᠢ ᠡᠷᠬᠢᠯᠡᠵᠦ᠂ ᠬᠤᠰᠢᠭᠤ ᠤᠷᠤᠨ ᠤ ᠨᠡᠷ᠎ᠡ ᠠᠯᠳᠠᠷᠰᠢᠯ ᠢᠶᠠᠨ ᠤᠯᠠᠮ ᠨᠢᠬᠡ ᠠᠯᠬᠤᠮ ᠳᠠᠭᠤᠷᠢᠰᠢᠭᠤᠯᠤᠭᠰᠠᠨ ᠪᠠᠶᠢᠨ᠎ᠠ᠃ ᠨᠡᠭᠦᠳᠡᠯᠴᠢᠨ ᠠᠶᠢᠮᠠᠭ᠂ ᠤᠯᠠᠭᠠᠨ ᠤᠲᠠᠢ ᠵᠠᠷᠭᠡ ᠦᠵᠡᠮᠵᠢ ᠶᠢᠨ ᠣᠷᠤᠨ ᠤ ᠪᠠᠶᠢᠭᠤᠯᠤᠯᠳᠠ ᠶᠢ ᠴᠢᠩᠭᠠᠳᠬᠠᠵᠤ᠂ ᠰᠠᠭᠤᠷᠢ ᠳᠦᠬᠦᠬᠡᠷᠤᠮᠵᠢ ᠶᠢ ᠨᠢ ᠳᠡᠬᠦᠯᠳᠡᠷᠵᠢᠬᠦᠯᠦᠨ᠂ ᠦᠢᠯᠡᠴᠢᠯᠡᠬᠡᠨ ᠤ ᠬᠢᠷᠢ ᠳᠦᠪᠰᠢᠨ ᠢ ᠨᠢ ᠳᠡᠬᠡᠭᠰᠢᠯᠡᠬᠦᠯᠦᠭᠰᠡᠨ ᠠᠴᠠ ᠤᠯᠠᠭᠠᠨ ᠤᠳᠠᠢ ᠨᠢ ᠤᠯᠤᠰ ᠤᠨ 4A ᠳᠡᠰ ᠤᠨ ᠵᠢᠭᠤᠯᠴᠢᠯᠠᠯ ᠎ ᠤᠨ ᠤᠷᠤᠨ ᠢᠶᠠᠷ ᠦᠨᠡᠯᠡᠭᠳᠡᠪᠡ᠃ ︽ᠮᠠᠯᠴᠢᠨ ᠠᠶᠢᠯ︾ ᠵᠣᠭᠠᠴᠠᠯ ᠤᠨ ᠴᠢᠭ ᠤᠨ ᠬᠦᠭᠵᠢᠯᠳᠡ ᠶᠢ ᠳᠡᠮᠵᠢᠵᠦ᠂ ᠳᠡᠰ ᠳᠠᠪᠬᠤᠷᠭ᠎ᠠ ᠶᠢ ᠨᠢ ᠳᠡᠪᠰᠢᠬᠦᠯᠬᠦ ᠠᠵᠢᠯ ᠢ ᠰᠠᠶᠢᠳᠤᠷ ᠠᠳᠬᠤᠭᠰᠠᠨ ᠠᠴᠠ ᠪᠦᠬᠦ ᠬᠤᠰᠢᠭᠤᠨ ᠤ ︽ᠮᠠᠯᠴᠢᠨ ᠠᠶᠢᠯ︾ ᠵᠣᠭᠠᠴᠠᠯ ᠤᠨ ᠴᠢᠭ ᠨᠢ 107᠎ ᠳᠤ ᠬᠦᠷᠪᠡ᠃ 2015 ᠤᠨ ᠳᠤ ᠪᠦᠬᠦ ᠬᠤᠰᠢᠭᠤᠨ ᠤ ᠬᠡᠪᠴᠢᠶᠡᠨ ᠳᠤ ᠤᠯᠤᠰ ᠤᠨ ᠭᠠᠳᠠᠭᠠᠳᠤ ᠳᠣᠲᠤᠭᠠᠳᠤ ᠶᠢᠨ ᠵᠢᠭᠤᠴᠢᠯᠠᠭᠴᠢ ᠶᠢ 62 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ 22%᠎ ᠪᠠᠷ ᠨᠡᠮᠡᠭᠳᠡᠪᠠ᠃ ᠵᠤᠭᠠᠴᠠᠯ ᠤᠨ ᠣᠷᠤᠯᠭ᠎ᠠ 3.1 ᠳ᠋ᠦᠩᠰᠢᠭᠤᠷ ᠲᠥᠬᠦᠷᠢᠭ ᠲᠤ ᠬᠦᠷᠴᠦ᠂ 25%᠎ ᠪᠠᠷ ᠨᠡᠮᠡᠭᠳᠡᠵᠠᠢ᠃ ᠪᠠᠷᠠᠭᠤᠨ ᠦᠵᠦᠮᠦᠴᠢᠨ ᠬᠤᠰᠢᠭᠤᠨ ᠤ ᠰᠤᠶᠣᠯ ᠤᠷᠠᠯᠢᠭ ᠤᠨ ᠰᠣᠳᠣᠯᠭᠠᠨ ᠤ ᠪᠠᠶᠢᠭᠤᠯᠤᠮᠵᠢ ᠶᠢ ᠪᠠᠶᠢᠭᠤᠯᠵᠤ᠂ ᠰᠤᠶᠤᠯ ᠤᠨ ᠠᠵᠤ ᠦᠢᠯᠡᠰ ᠤᠨ ᠲᠥᠷᠦᠯ ᠵᠦᠢᠯ ᠤᠨ ᠬᠥᠮᠦᠷᠭᠡ ᠶᠢ ᠪᠠᠶᠢᠭᠤᠯᠪᠠ᠃ ᠦᠵᠦᠮᠦᠴᠢᠨ ᠎ ᠤ ᠰᠤᠶᠤᠯ ᠤᠨ ᠦᠪ ᠢ ᠠᠭᠤᠳᠠᠯᠯᠠᠨ᠂ ᠰᠢᠯᠢᠳᠡᠭ ᠪᠦᠳᠦᠬᠡᠯ ᠵᠤᠬᠢᠶᠠᠵᠦ᠂ ᠤᠯᠠᠭᠠᠨᠮᠦ᠋ᠴᠢᠷ ᠤᠨ ᠳᠦᠷᠪᠡᠨ ᠬᠦᠰᠢᠭᠡᠲᠦ ᠦᠨᠳᠤᠰᠦᠲᠡᠨ ᠤ ᠳᠠᠭᠤᠤ ᠪᠦᠵᠢᠭ ᠤᠨ ᠵᠥᠴᠦᠭᠡ ︽ᠡᠭᠦᠷ ᠰᠡᠭᠦᠯᠲᠦ︾᠎ ᠨᠢ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠰᠤᠶᠤᠯ ᠤᠷᠠᠯᠢᠭ ᠤᠨ ᠦᠵᠡᠬᠦᠯᠦᠯᠬᠡ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠤᠷᠤᠨ ᠤ ᠠᠷᠠᠳ ᠤᠨ ᠳᠠᠭᠤᠤ ᠶᠢᠨ ᠤᠷᠤᠯᠳᠤᠭᠠᠨ ᠳᠤ ᠠᠯᠳᠠᠨ ᠱᠠᠩᠨᠠᠯ ᠳᠤᠰᠪᠠ᠃     ︵ᠲᠠᠪᠤ︶ ᠰᠠᠭᠤᠷᠢ ᠨᠥᠬᠦᠴᠡᠯ ᠢ ᠦᠷᠬᠦᠯᠵᠢᠯᠡᠨ ᠰᠠᠶᠢᠵᠢᠷᠠᠭᠤᠯᠪᠠ᠃ ᠡᠯ᠎ᠡ ᠭᠤᠤᠯᠳᠠᠯᠭ᠎ᠠ ᠲᠠᠢ ᠳᠦᠯᠦᠪᠵᠢᠬᠦᠯᠬᠡ ᠶᠢ ᠢᠳᠡᠪᠬᠢᠲᠠᠢ ᠪᠠᠷ ᠨᠠᠶᠢᠷᠠᠭᠤᠯᠤᠨ ᠲᠡᠭᠦᠯᠳᠡᠷᠵᠢᠭᠦᠯᠵᠦ᠂ ᠪᠦᠬᠦ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠬᠤ ᠶᠢᠨ ᠵᠡᠷᠬᠡᠪᠡᠷ 30 ᠵᠤᠶᠢᠯ ᠤᠨ ᠳᠤᠰᠬᠠᠢ ᠲᠥᠯᠦᠪᠯᠡᠭᠡ ᠶᠢ ᠬᠠᠮᠳᠤ ᠳᠤᠨᠢ ᠨᠠᠶᠢᠷᠠᠭᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠤ ᠬᠦᠭᠵᠢᠯᠳᠡ ᠳᠤ ᠮᠦᠷᠳᠡᠯ ᠬᠠᠩᠭᠠᠪᠠ᠃  ᠪᠠᠶᠠᠩᠬᠤᠸᠠ ᠨᠡᠭᠦᠷᠡᠰᠦᠨ ᠠᠭᠤᠷᠬᠠᠢ ᠶᠢᠨ ᠳᠤᠭᠤᠷᠢᠭ ᠤᠨ ᠪᠦᠬᠦᠯᠢ ᠴᠤᠭᠴᠠ ᠶᠢᠨ ᠳᠦᠯᠦᠪᠵᠢᠬᠦᠯᠬᠡ ᠶᠢ ᠵᠠᠰᠠᠨ ᠨᠠᠶᠢᠷᠠᠭᠤᠯᠵᠦ᠂ ᠡᠣ ᠵᠢᠶᠠᠨ ᠹᠠᠩ ᠤᠷᠴᠢᠯᠳᠤ ᠠᠵᠤ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠦᠯᠦᠪᠵᠢᠬᠦᠯᠬᠡ ᠶᠢ ᠨᠠᠶᠢᠷᠠᠭᠤᠯᠤᠨ᠂ ᠠᠵᠦ ᠦᠢᠯᠡᠳᠪᠤᠷᠢ ᠶᠢᠨ ᠳᠤᠭᠤᠷᠢᠭ ᠤᠨ ᠰᠢᠨᠵᠢᠯᠡᠬᠦ ᠤᠬᠠᠭᠠᠨᠴᠢ ᠬᠦᠭᠵᠢᠯᠳᠡ ᠳᠤ ︽ᠶᠡᠷᠤᠩᠬᠡᠢ ᠳᠦᠯᠦᠪᠵᠢᠬᠦᠯᠬᠡ ᠶᠢᠨ ᠵᠢᠷᠤᠭ︾ ᠪᠠ ︽ᠵᠠᠮ ᠱᠤᠭᠤᠮ ᠤᠨ ᠪᠦᠳᠦᠴᠡ ᠶᠢᠨ ᠵᠢᠷᠤᠭ︾᠎ ᠶᠢ ᠬᠠᠩᠭᠠᠪᠠ᠃ ᠪᠠᠶᠠᠨᠬᠤᠰᠢᠭᠤ ᠨᠡᠬᠦᠷᠡᠰᠦᠨ ᠠᠭᠤᠷᠬᠠᠢ ᠶᠢᠨ ᠶᠡᠷᠤᠩᠬᠡᠢ ᠳᠦᠯᠦᠪᠵᠢᠬᠦᠯᠬᠡ ᠨᠢ ᠤᠯᠤᠰ ᠤᠨ ᠦᠬᠡᠷᠡᠴᠢᠯᠡᠯᠳᠡ ᠬᠦᠭᠵᠢᠬᠦᠯᠦᠯᠳᠡ ᠶᠢᠨ ᠵᠦᠪᠯᠡᠯ ᠤᠨ ᠵᠦᠪᠰᠢᠶᠡᠷᠡᠯ ᠢ ᠤᠯᠵᠠᠢ᠃ ᠬᠤᠲᠠ ᠪᠠᠯᠭᠠᠰᠤᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠦ᠂ PPP ᠵᠡᠷᠬᠡ ᠤᠯᠠᠨ ᠳᠦᠷᠦᠯ ᠤᠨ ᠵᠠᠭᠪᠤᠷ ᠢᠶᠠᠷ 2.6 ᠳ᠋ᠦᠩᠰᠢᠭᠤᠷ ᠲᠥᠬᠦᠷᠢᠭ ᠤᠨ ᠪᠡᠯᠡ ᠬᠤᠷᠠᠮᠳᠤᠭᠤᠯᠤᠨ ᠤᠷᠤᠭᠤᠯᠵᠦ᠂ ︽ᠨᠣᠭᠤᠭᠠᠷᠠᠭᠤᠯᠬᠤ᠂ ᠴᠢᠮᠡᠭᠯᠡᠬᠦ᠂ ᠭᠡᠷᠡᠯᠳᠤᠭᠦᠯᠬᠦ︾ ᠢᠨᠵᠧᠨᠧᠷᠢᠩ ᠢ ᠳᠦᠯᠬᠢᠨ ᠠᠬᠢᠭᠤᠯᠤᠨ᠂ ᠬᠤᠳᠠ ᠪᠠᠯᠭᠠᠰᠤᠨ ᠤ ᠴᠢᠳᠠᠪᠬᠢ ᠶᠢ ᠳᠡᠬᠦᠯᠳᠡᠷᠵᠢᠬᠦᠯᠦᠨ᠂  ᠬᠤᠲᠠ ᠪᠠᠯᠭᠠᠰᠤᠨ ᠤ ᠭᠠᠳᠠᠷ ᠳᠦᠷᠢ ᠳᠦᠷᠬᠦ ᠶᠢ ᠤᠯᠠᠮ ᠭᠤᠶᠤᠵᠢᠭᠤᠯᠪᠠ᠃  ᠵᠠᠰᠠᠮᠠᠯ ᠵᠠᠮ ᠤᠨ ᠪᠥᠳᠦᠭᠡᠨ ᠪᠠᠶᠢᠭᠤᠯᠤᠯᠲᠠ ᠶᠢᠨ ᠲᠠᠯ᠎ᠠ ᠪᠠᠷ ᠪᠥᠬᠦ ᠤᠷᠳᠤ ᠨᠢ 201.7 ᠺᠢᠯᠤᠮᠧᠲᠷ ᠪᠦᠬᠦᠢ 10 ᠵᠣᠷᠪᠤᠰ ᠭᠠᠴᠠᠭ᠎ᠠ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠵᠠᠰᠠᠵᠦ᠂ 13 ᠭᠠᠴᠠᠭᠠᠨ ᠳᠤ ᠵᠠᠮ ᠨᠡᠪᠳᠡᠷᠡᠬᠦᠯᠪᠡ︔ ᠪᠥᠬᠦ ᠤᠷᠳᠤ ᠨᠢ 191.8 ᠺᠢᠯᠤᠮᠧᠲᠷ ᠪᠦᠬᠦᠢ 30 ᠵᠣᠷᠪᠤᠰ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠵᠦ᠂ ᠮᠠᠯᠵᠢᠬᠤ ᠤᠷᠤᠨ ᠳᠤ ᠳᠦᠬᠦᠮ ᠳᠦᠳᠡ ᠵᠠᠮ ᠨᠡᠪᠳᠡᠷᠡᠬᠦᠯᠬᠡ ᠶᠢᠨ ᠨᠦᠬᠦᠴᠡᠯ ᠢ ᠪᠦᠷᠢᠯᠳᠦᠬᠦᠯᠵᠠᠢ᠃  ᠪᠠᠶᠠᠩᠬᠤᠸᠠ ᠠᠵᠤ ᠦᠢᠯᠡᠳᠪᠦᠷᠢ ᠶᠢᠨ ᠲᠣᠭᠤᠷᠢᠭ ᠲᠤ ᠬᠤᠶᠠᠳᠤᠭᠠᠷ ᠳᠡᠰ ᠤᠨ ᠠᠶᠠᠨᠴᠢᠳ ᠤᠨ ᠥᠷᠳᠡᠭᠡ ᠰᠢᠨ᠎ᠡ ᠪᠠᠷ ᠪᠠᠶᠢᠭᠤᠯᠵᠦ᠂ ᠤᠯᠠᠨ ᠳᠦᠮᠡᠨ ᠤ ᠶᠠᠪᠤᠵᠦ ᠰᠠᠭᠤᠬᠤ ᠱᠠᠭᠠᠷᠳᠠᠯᠭ᠎ᠠ ᠶᠢ ᠬᠠᠩᠭᠠᠪᠠ᠃ 2015 ᠤᠨ ᠳᠤ ᠪᠦᠬᠦ ᠬᠤᠰᠢᠭᠤᠨ ᠤ ᠠᠶᠠᠨᠴᠢᠳ ᠢ ᠵᠦᠬᠡᠬᠡᠪᠤᠷᠢᠯᠡᠭᠰᠡᠨ ᠬᠡᠮᠵᠢᠶ᠎ᠡ 1.7 ᠳ᠋ᠦᠩᠰᠢᠭᠤᠷ ᠬᠦᠮᠦᠨ ᠺᠢᠯᠤᠮᠧᠲᠷ ᠬᠦᠷᠴᠦ᠂ ᠪᠤᠳᠡᠰ ᠤᠨ ᠬᠦᠢᠯᠬᠡᠬᠡᠨ ᠤ ᠬᠡᠮᠵᠢᠶ᠎ᠡ 114.7 ᠳ᠋ᠦᠩᠰᠢᠭᠤᠷ ᠲᠤᠨ ᠺᠢᠯᠤᠮᠧᠲᠷ ᠬᠦᠷᠴᠠᠢ᠃ ᠲᠡᠮᠦᠷ ᠵᠠᠮ ᠤᠨ ᠪᠥᠳᠦᠭᠡᠨ ᠪᠠᠶᠢᠭᠤᠯᠤᠯᠲᠠ ᠶᠢᠨ ᠲᠠᠯ᠎ᠠ ᠪᠠᠷ ᠵᠢᠨᠵᠸᠤ ᠠᠴᠠ ᠪᠠᠶᠠᠩᠬᠤᠸᠠ ᠬᠦᠷᠬᠦ ᠲᠡᠮᠦᠷ ᠵᠠᠮ ᠢ ᠥᠷᠭᠡᠳᠬᠡᠨ ᠵᠠᠰᠠᠬᠤ ᠢᠨᠵᠧᠨᠧᠷᠢᠩ᠂ ᠢᠳᠠᠭᠤᠳᠤ ᠎ ᠠᠴᠠ ᠪᠠᠶᠠᠩᠬᠤᠸᠠ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠦᠬᠡᠷᠡᠴᠢᠯᠡᠬᠦ ᠢᠨᠵᠧᠨᠧᠷᠢᠩ ᠨᠢ ᠴᠦᠮ ᠠᠵᠢᠯ ᠡᠬᠢᠯᠡᠬᠦ ᠨᠦᠬᠦᠴᠡᠯ ᠢ ᠪᠦᠷᠢᠯᠳᠦᠬᠦᠯᠵᠦ᠂ ᠵᠢᠷ ᠤᠨ ᠭᠤᠤᠯ ᠬᠤᠶᠠᠳᠤᠭᠠᠷ ᠵᠠᠳᠠᠭᠠᠢ ᠨᠡᠬᠦᠷᠡᠰᠦᠨ ᠠᠭᠤᠷᠬᠠᠢ ᠶᠢᠨ ᠲᠡᠮᠦᠷ ᠵᠠᠮ ᠤᠨ ᠳᠤᠰᠬᠠᠢ ᠱᠤᠭᠤᠮ᠂ ᠬᠤᠸᠠ ᠷᠦᠨ ᠪᠦᠯᠦᠭᠯᠡᠯ ᠤᠨ ᠡᠣ ᠵᠢᠶᠠᠨ ᠹᠠᠩ ᠳᠠᠬᠢ ᠠᠭᠤᠷᠬᠠᠢ ᠶᠢᠨ ᠪᠠᠷᠠᠭᠤᠨ ᠨᠢᠬᠡᠳᠦᠬᠡᠷ ᠬᠤᠳᠳᠤᠭ ᠤᠨ ᠲᠡᠮᠦᠷ ᠵᠠᠮ ᠤᠨ ᠳᠤᠰᠬᠠᠢ ᠱᠤᠭᠤᠮ᠂ ᠪᠠᠶ᠋ᠬᠠᠭᠤᠯᠠ ᠠᠴᠠ ᠵᠠᠭᠦᠨ ᠬᠠᠳᠠᠪᠴᠢ ᠬᠦᠷᠬᠦ ᠲᠡᠮᠣᠷ ᠵᠠᠮ ᠤᠨ ᠳᠦᠷᠪᠡᠳᠤᠭᠡᠷ ᠬᠤᠭᠤᠴᠠᠭ᠎ᠠ ︵ ᠪᠠᠶ᠋ᠬᠠᠭᠤᠯᠠ ᠠᠴᠠ ᠪᠠᠶᠠᠩᠭᠤᠤᠯ ᠬᠦᠷᠬᠦ ᠭᠡᠰᠡᠭ︶᠂ ᠪᠠᠶᠠᠩᠬᠤᠸᠠ ᠳᠠᠬᠢ ᠨᠠᠷᠢᠯᠢᠭᠵᠢᠭᠤᠯᠣᠭᠰᠠᠨ ᠬᠦᠩᠬᠡᠨ ᠴᠠᠭᠠᠨ ᠤ ᠬᠠᠪᠳᠠᠰᠣ ᠪᠤᠯᠪᠠᠰᠤᠷᠠᠭᠤᠯᠬᠤ ᠲᠡᠮᠦᠷ ᠵᠠᠮ ᠤᠨ ᠳᠤᠰᠬᠠᠢ ᠱᠤᠭᠤᠮ ᠵᠠᠷᠭᠡ ᠵᠠᠮ ᠱᠤᠭᠤᠮ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠳᠦᠯᠬᠢᠨ ᠠᠬᠢᠭᠤᠯᠵᠠᠢ᠃ ᠪᠠᠶ᠋ᠬᠠᠭᠤᠯᠠ ᠨᠢᠰᠭᠡᠯ ᠤᠨ ᠪᠠᠭᠤᠳᠠᠯ ᠤᠨ ᠪᠥᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠢ ᠳᠦᠯᠬᠢᠨ ᠠᠬᠢᠭᠤᠯᠵᠦ᠂  ᠤᠷᠢᠳᠤᠬᠢ ᠬᠤᠭᠤᠴᠠᠭᠠᠨ ᠤ ᠠᠵᠢᠯ ᠢ ᠳᠠᠰᠤᠷᠠᠯᠳᠠ ᠦᠬᠡᠢ ᠳᠦᠷᠬᠡᠳᠬᠡᠪᠡ᠃ ᠣᠰᠣᠨ ᠠᠰᠢᠭᠯᠠᠯᠳᠠ ᠶᠢᠨ ᠪᠥᠳᠦᠭᠡᠨ ᠪᠠᠶᠢᠭᠤᠯᠤᠯᠲᠠ ᠶᠢᠨ ᠲᠠᠯ᠎ᠠ ᠪᠠᠷ ᠪᠠᠯᠭᠠᠷᠭᠤᠤᠯ ᠪᠠᠯᠭᠠᠰᠤᠨ ᠤ ᠪᠠᠷᠠᠭᠤᠨ ᠡᠮᠦᠨᠡᠬᠢ ᠦᠶᠡᠷ ᠢ ᠰᠡᠷᠬᠡᠶᠢᠯᠡᠬᠦ ᠢᠨᠵᠧᠨᠧᠷᠢᠩ ᠢ ᠪᠡᠶᠡᠯᠡᠬᠦᠯᠵᠦ᠂  ᠭᠤᠷᠤᠬᠠᠨ ᠭᠤᠤᠯ ᠢ ᠵᠠᠰᠠᠬᠤ ᠢᠨᠵᠧᠨᠧᠷᠢᠩ ᠢ ᠠᠵᠢᠯ ᠡᠬᠢᠯᠡᠬᠦᠯᠵᠠᠢ᠃ ᠴᠠᠬᠢᠯᠭᠠᠨ ᠲᠣᠣᠷ ᠤᠨ ᠪᠦᠳᠣᠬᠡᠨ ᠪᠠᠶᠢᠭᠤᠯᠣᠯᠳᠠ ᠶᠢᠨ ᠲᠠᠯ᠎ᠠ ᠪᠠᠷ  ᠪᠤᠯᠠᠭ 500 ᠺᠢᠯᠤᠸᠣᠯᠲ ᠪᠠ ᠪᠠᠶᠠᠨᠬᠤᠭᠤᠯᠠᠳᠣ ᠶᠢᠨ 35 ᠺᠢᠯᠤᠸᠣᠯᠲ ᠶᠢᠨ ᠬᠦᠴᠦᠳᠡᠯ ᠦᠬᠡᠷᠡᠴᠢᠯᠡᠬᠦ ᠢᠨᠵᠧᠨᠧᠷᠢᠩ ᠢ ᠳᠦᠷᠬᠡᠳᠬᠡᠵᠦ᠂ 10 ᠺᠢᠯᠤᠸᠣᠯᠲ ᠶᠢᠨ ᠵᠠᠮ ᠱᠤᠭᠤᠮ 130 ᠺᠢᠯᠤᠮᠧᠲᠷ᠂ 0.2 ᠺᠢᠯᠤᠸᠣᠯᠲ ᠶᠢᠨ ᠵᠠᠮ ᠱᠤᠭᠤᠮ 46 ᠺᠢᠯᠤᠮᠧᠲᠷ ᠎ ᠢ ᠰᠢᠨ᠎ᠡ ᠪᠠᠷ ᠪᠠᠶᠢᠭᠤᠯᠵᠦ᠂ ᠴᠠᠬᠢᠯᠭᠠᠨ ᠬᠦᠴᠦᠨ ᠤ ᠪᠠᠳᠤᠯᠠᠭ᠎ᠠ ᠶᠢᠨ ᠬᠢᠷᠢ ᠳᠦᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠪᠡ᠃     ︵ᠵᠢᠷᠭᠤᠭ᠎ᠠ︶ ᠲᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠠᠵᠢᠯ ᠵᠢᠴᠢ ᠤᠷᠴᠢᠨ ᠳᠤᠭᠤᠷᠢᠨ ᠢ ᠬᠠᠮᠠᠭᠠᠯᠠᠬᠤ ᠠᠵᠢᠯ ᠢ ᠤᠯᠠᠮ ᠨᠢᠬᠡ ᠠᠯᠬᠤᠮ ᠴᠢᠩᠭᠠᠳᠬᠠᠪᠠ᠃  ᠨᠢᠬᠡᠳᠦᠬᠡᠷ ᠬᠤᠭᠤᠴᠠᠭᠠᠨ ᠤ ᠲᠠᠯ᠎ᠠ ᠨᠣᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠵᠣᠬᠢᠴᠠᠮᠵᠢ ᠶᠢ ᠨᠠᠷᠢᠨ ᠬᠢᠨᠠᠮᠠᠭᠠᠢ ᠬᠡᠷᠡᠭᠵᠢᠬᠦᠯᠵᠣ᠂ 2015 ᠤᠨ ᠳᠤ 1 ᠳ᠋ᠦᠩᠰᠢᠭᠤᠷ ᠳᠦᠬᠦᠷᠢᠭ ᠳᠠᠷᠬᠠᠭᠠᠪᠠ᠃  ᠬᠤᠶᠠᠳᠤᠭᠠᠷ ᠬᠤᠭᠤᠴᠠᠭᠠᠨ ᠤ ᠪᠡᠬᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠠᠢ᠃  ︽ᠡᠪᠡᠰᠤᠨ ᠤ ᠦᠢᠯᠡᠰ ᠤᠨ ᠲᠦᠷᠦᠯ ᠵᠦᠢᠯ ︾᠎ ᠤᠨ ᠳᠤᠷᠰᠢᠯᠳᠠ ᠶᠢᠨ ᠴᠢᠭ ᠤᠨ ᠠᠵᠢᠯ ᠢ ᠠᠬᠢᠭᠤᠯᠵᠦ᠂ ᠡᠪᠡᠰᠤ ᠬᠠᠳᠤᠵᠦ ᠨᠦᠬᠡᠴᠡᠯᠡᠬᠦ ᠠᠵᠢᠯᠯᠠᠭ᠎ᠠ ᠶᠢ ᠴᠢᠩᠭ᠎ᠠ ᠳᠦᠷᠢᠮᠵᠢᠬᠦᠯᠤᠨ᠂ ᠪᠠᠶᠢᠭᠠᠯᠢᠯᠢᠭ ᠨᠤᠳᠤᠭ ᠪᠡᠯᠴᠢᠬᠡᠷ ᠢ ᠡᠪᠳᠡᠯᠬᠡ ᠶᠢᠨ ᠴᠢᠨᠠᠷᠳᠠᠢ ᠡᠵᠡᠩᠨᠡᠬᠦ ᠶᠢ ᠡᠷᠡᠰ ᠬᠤᠷᠢᠭᠯᠠᠪᠠ᠃  ᠡᠬᠦᠨ ᠤ ᠬᠠᠮᠳᠤ ᠮᠠᠯ ᠪᠡᠯᠴᠢᠬᠡᠷ ᠤᠨ ᠳᠡᠩᠴᠡᠬᠦᠷᠢ ᠶᠢ ᠪᠠᠳᠤᠯᠠᠬᠤ ᠳᠦᠷᠢᠮ ᠢ ᠦᠷᠬᠦᠯᠵᠢᠯᠡᠨ ᠬᠡᠷᠡᠭᠵᠢᠬᠦᠯᠵᠠᠢ᠃ ᠨᠣᠳᠤᠭ ᠪᠡᠯᠴᠢᠬᠡᠷ ᠤᠨ ᠲᠠᠭᠠᠭᠠᠴᠢᠯᠠᠯᠳᠠ ᠶᠢᠨ ᠡᠷᠬᠡ ᠶᠢ ᠳᠤᠳᠤᠷᠬᠠᠶᠢᠯᠠᠬᠤ ᠠᠵᠢᠯ ᠢ ᠳᠦᠯᠬᠢᠨ ᠠᠬᠢᠭᠤᠯᠵᠦ᠂ 65 ᠭᠠᠴᠠᠭᠠᠨ ᠤ ᠬᠡᠬᠡᠷ᠎ᠡ ᠭᠠᠳᠠᠭ᠎ᠠ ᠴᠢᠭ ᠳᠤᠭᠳᠠᠭᠠᠬᠤ ᠠᠵᠢᠯ ᠢ ᠪᠡᠶᠡᠯᠡᠬᠦᠯᠦᠨ᠂ 70 ᠭᠠᠴᠠᠭᠠᠨ ᠎ ᠤ ᠮᠠᠯᠴᠢᠨ ᠡᠷᠦᠬᠡ ᠶᠢᠨ ᠦᠨᠳᠦᠰᠦᠨ ᠮᠡᠳᠡᠭᠡ ᠵᠠᠩᠬᠢ ᠶᠢ ᠺᠤᠮᠫᠢᠤᠲ᠋ᠧᠷ ᠲᠤ ᠤᠷᠤᠭᠤᠯᠬᠤ ᠠᠵᠢᠯ ᠢ ᠪᠡᠶᠡᠯᠡᠬᠦᠯᠵᠦ᠂  ᠪᠦᠬᠦ ᠡᠬᠦᠷᠬᠡ ᠶᠢᠨ ᠢᠶᠠᠨ 75%᠎ ᠶᠢ ᠪᠡᠶᠡᠯᠡᠬᠦᠯᠵᠠᠢ᠃ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠢ ᠳᠠᠰᠤᠷᠠᠯᠳᠠ ᠦᠬᠡᠢ ᠴᠢᠩᠭᠠᠳᠬᠠᠵᠦ᠂  ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ ᠤᠨ ᠠᠭᠠᠷ ᠮᠠᠨᠳᠠᠯ ᠢ ᠬᠢᠨᠠᠨ ᠬᠡᠮᠵᠢᠬᠦ ᠦᠷᠳᠡᠬᠡᠨ ᠤ ᠪᠦᠳᠦᠬᠡᠨ ᠪᠠᠶᠢᠭᠤᠯᠤᠯᠳᠠ ᠶᠢᠨ ᠠᠵᠢᠯ ᠢ ᠠᠬᠢᠭᠤᠯᠪᠠ᠃ 109.7 ᠡᠾᠧᠺᠲᠷ ᠳᠡᠯᠠᠪᠠᠢ ᠪᠦᠬᠦᠢ ᠤᠷᠬᠢᠭᠳᠠᠨ ᠬᠠᠶᠠᠭᠳᠠᠭᠰᠠᠨ ᠰᠠᠭᠤᠭᠠᠯᠢ ᠳᠤᠭᠤᠷᠢᠭ ᠪᠠ ᠠᠭᠤᠷᠬᠠᠢ ᠶᠢᠨ ᠲᠠᠯᠠᠪᠠᠢ ᠶᠢ ᠰᠡᠷᠬᠦᠬᠡᠨ ᠨᠤᠭᠤᠭᠠᠷᠠᠭᠤᠯᠵᠦ ᠠᠰᠢᠭᠯᠠᠵᠠᠢ᠃ ︽ᠭᠤᠷᠪᠠᠨ ᠤᠷᠤᠨ ᠬᠤᠶᠠᠷ ᠱᠤᠭᠤᠮ︾᠎ ᠤᠨ ᠵᠠᠰᠠᠨ ᠴᠡᠭᠴᠡᠯᠡᠬᠦ ᠢᠨᠵᠧᠨᠧᠷᠢᠩ ᠎ ᠢ ᠦᠷᠨᠢᠬᠦᠯᠵᠦ᠂ 9200 ᠭᠠᠷᠤᠢ ᠳᠦᠮᠡᠨ ᠳᠦᠬᠦᠷᠢᠭ ᠤᠨ ᠪᠡᠯᠡ ᠮᠦᠩᠬᠦ ᠵᠠᠷᠤᠴᠠᠭᠤᠯᠤᠨ᠂ 880.4 ᠡᠾᠧᠺᠲᠷ ᠳᠠᠯᠠᠪᠠᠢ ᠪᠦᠬᠦᠢ 286 ᠭᠠᠵᠠᠷ ᠢ ᠵᠠᠰᠠᠨ ᠴᠡᠭᠴᠡᠯᠡᠭᠰᠡᠨ ᠪᠠᠶᠢᠨ᠎ᠠ᠃     ︵ᠲᠣᠯᠤᠭ᠎ᠠ︶ ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠬᠢᠷᠢ ᠲᠦᠪᠰᠢᠨ ᠢ ᠣᠯᠠᠮ ᠨᠢᠬᠡ ᠠᠯᠬᠤᠮ ᠲᠡᠭᠡᠭᠰᠢᠯᠡᠬᠦᠯᠪᠡ᠃ 2015 ᠣᠨ ᠳᠤ ᠪᠦᠬᠦ ᠬᠤᠰᠢᠭᠤᠨ ᠤ ᠠᠷᠠᠳ ᠤᠨ ᠠᠮᠢᠳᠣᠷᠠᠯ ᠪᠠ ᠨᠡᠶᠢᠬᠡᠮ ᠤᠨ ᠠᠵᠢᠯ ᠦᠢᠯᠡᠰ ᠲᠤ 15.3 ᠳ᠋ᠦᠩᠰᠢᠭᠤᠷ ᠲᠦᠭᠦᠷᠢᠭ ᠵᠠᠷᠣᠴᠠᠭᠤᠯᠵᠣ᠂  ᠤᠯᠠᠨ ᠨᠡᠶᠢᠳᠠ ᠶᠢᠨ ᠡᠳ᠋ ᠤᠨ ᠵᠠᠰᠠᠭ ᠤᠨ ᠵᠠᠷᠣᠯᠭ᠎ᠠ ᠶᠢᠨ 81.2 %᠎ ᠢ ᠡᠵᠡᠯᠡᠵᠣ᠂ 10.2%᠎ ᠪᠠᠷ ᠦᠰᠪᠡ᠃ ᠰᠣᠷᠭᠠᠨ ᠬᠦᠮᠦᠵᠢᠯ ᠲᠧᠭᠨᠢᠭ ᠮᠡᠷᠬᠡᠵᠢᠯ ᠎ ᠤᠨ ᠠᠵᠢᠯ ᠤᠨ ᠲᠠᠯ᠎ᠠ ᠳᠤ ᠪᠦᠬᠦ ᠠᠶᠢᠮᠠᠭ ᠤᠨ ᠰᠣᠷᠭᠠᠨ ᠬᠦᠮᠦᠵᠢᠯ ᠤᠨ ᠶᠠᠰᠣ ᠴᠢᠨᠠᠷ ᠢ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ ᠶᠢᠨ ᠬᠠᠮᠳᠤ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠶᠠᠰᠣ ᠴᠢᠨᠠᠷ ᠢ ᠲᠡᠭᠡᠭᠰᠢᠯᠡᠬᠦᠯᠬᠦ ᠲᠠᠪᠣᠨ ᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ  ᠬᠡᠷᠡᠭᠵᠢᠬᠦᠯᠦᠨ ᠂ ᠪᠠᠭᠰᠢ ᠶᠢᠨ ᠡᠩᠨᠡᠬᠡᠨ ᠤ ᠴᠣᠭᠴᠠᠯᠠᠯᠳᠠ ᠶᠢᠨ ᠬᠤᠶᠠᠳᠣᠭᠠᠷ ᠲᠠᠪᠣᠨ ᠵᠢᠯ ᠤᠨ ᠲᠦᠯᠦᠪᠵᠢᠬᠦᠯᠬᠡ ᠶᠢ ᠡᠬᠢᠯᠡᠬᠦᠯᠵᠣ᠂ ᠵᠢᠭᠠᠨ ᠰᠣᠷᠭᠠᠯᠳᠠ ᠶᠢᠨ ᠬᠢᠷᠢ ᠲᠦᠪᠰᠢᠨ ᠢ ᠲᠣᠭᠳᠠᠭᠤᠨ ᠢᠶᠠᠷ ᠲᠡᠭᠡᠭᠰᠢᠯᠡᠬᠦᠯᠦᠭᠰᠡᠨ ᠠᠴᠠ 2015 ᠣᠨ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠ ᠠᠴᠠ ᠲᠠᠪᠣᠨ ᠨᠠᠰᠣᠨ ᠤ ᠬᠡᠣᠬᠡᠳ ᠤᠨ ᠴᠡᠴᠡᠷᠯᠢᠭ ᠲᠤ ᠤᠷᠤᠭᠰᠠᠨ ᠨᠤᠷᠮ᠎ᠠ 81.9%᠎ ᠳᠤ ᠬᠦᠷᠴᠦ᠂ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠪᠦᠬᠦ ᠠᠶᠢᠮᠠᠭ ᠤᠨ ᠦᠨᠳᠦᠰᠦᠳᠡᠨ ᠤ ᠰᠢᠯᠢᠳᠡᠭ ᠰᠤᠷᠭᠠᠭᠤᠯᠢ ᠪᠤᠯᠪᠠ᠃  ᠪᠦᠬᠦ ᠬᠤᠰᠢᠭᠤᠨ ᠤ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠲᠡᠪᠰᠢᠭᠰᠡᠨ ᠨᠣᠷᠮ᠎ᠠ 59.3%᠎ ᠳᠤ ᠬᠦᠷᠴᠣ᠂ 26.6 ᠵᠠᠭᠤᠨ ᠤ ᠴᠢᠭ ᠲᠡᠭᠡᠭᠰᠢᠯᠡᠵᠡᠢ᠃ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠬᠡᠨ ᠤ ᠠᠵᠢᠯ ᠢ ᠠᠬᠢᠭᠤᠯᠣᠭᠰᠠᠨ ᠠᠴᠠ ᠡᠯ᠎ᠡ ᠲᠦᠷᠦᠯ ᠤᠨ ᠣᠷᠣᠯᠳᠣᠭᠠᠨ ᠲᠡᠮᠡᠴᠡᠬᠡᠨ ᠳᠤ ᠰᠢᠯᠢᠳᠡᠭ ᠬᠢᠷᠢ ᠪᠦᠳᠣᠮᠵᠢ ᠣᠯᠪᠠ᠃ ᠦᠢᠯᠡᠰ ᠪᠤᠰᠬᠠᠵᠦ ᠠᠵᠢᠯ ᠣᠯᠭᠤᠬᠤ ᠠᠵᠢᠯ ᠤᠨ ᠲᠠᠯ᠎ᠠ ᠳᠤ ︽ᠣᠯᠠᠨ ᠲᠠᠶᠠᠭᠠᠷ ᠦᠢᠯᠡᠰ ᠪᠣᠰᠬᠠᠵᠣ᠂ ᠣᠯᠠᠨ ᠲᠦᠮᠡᠨ ᠢᠶᠠᠷ ᠰᠢᠨ᠎ᠡ ᠶᠢ ᠡᠬᠦᠳᠬᠦ︾᠎ ᠶᠢ ᠠᠬᠢᠭᠤᠯᠵᠣ᠂ ᠣᠷᠣᠨ ᠤ ᠲᠡᠰ ᠤᠨ ᠦᠢᠯᠡᠰ ᠪᠣᠰᠬᠠᠬᠤ ᠬᠡᠯᠪᠡᠷᠢ ᠶᠢᠨ ᠬᠤᠰᠢᠭᠤ ᠶᠢ ᠠᠮᠵᠢᠯᠳᠠᠳᠠᠢ ᠪᠠᠶᠢᠭᠤᠯᠪᠠ᠃ ᠰᠢᠨ᠎ᠡ ᠶᠢ ᠡᠬᠦᠳᠣᠨ ᠦᠢᠯᠡᠰ ᠪᠣᠰᠬᠠᠬᠤ ᠰᠠᠭᠤᠷᠢᠨ ᠭᠠᠵᠠᠷ ᠤᠨ ᠪᠦᠳᠣᠬᠡᠨ ᠪᠠᠶᠢᠭᠤᠯᠣᠯᠳᠠ ᠲᠠᠢ ᠣᠶᠠᠯᠳᠣᠭᠤᠯᠣᠨ᠂ ︽ᠢᠨᠲ᠋ᠧᠷ ᠰᠦᠯᠵᠢᠶ᠎ᠡ + ᠡᠯᠧᠺᠲᠷᠤᠨ ᠬᠤᠳᠠᠯᠳᠤᠭᠠᠨ ᠤ ᠦᠢᠯᠡᠴᠢᠯᠡᠬᠡᠨ ᠤ ᠳᠠᠪᠴᠠᠩ︾᠎ ᠢ ᠰᠢᠨ᠎ᠡ ᠪᠠᠷ ᠪᠠᠶᠢᠭᠤᠯᠵᠣ᠂ ᠣᠯᠠᠮᠵᠢᠯᠠᠯᠳᠣ ᠦᠢᠯᠡᠰ ᠪᠣᠰᠬᠠᠬᠤ ᠠᠵᠣ ᠠᠬᠤᠶᠢᠯᠠᠯ ᠪᠣᠯᠣᠨ ᠢᠨᠲ᠋ᠧᠷ ᠰᠦᠯᠵᠢᠶᠡᠨ ᠠᠵᠣ ᠠᠬᠤᠶᠢᠯᠠᠯ ᠤᠨ ᠬᠠᠷᠢᠯᠴᠠᠨ ᠣᠶᠠᠯᠳᠣᠬᠤ ᠶᠢ ᠠᠬᠢᠭᠤᠯᠪᠠ᠃ ᠠᠵᠢᠯ ᠣᠯᠭᠤᠵᠣ ᠦᠢᠯᠡᠰ ᠪᠣᠰᠬᠠᠬᠤ ᠵᠢᠯᠣᠭᠤᠳᠬᠤ ᠲᠦᠪ ᠢ ᠪᠠᠶᠢᠭᠤᠯᠵᠣ᠂ ᠠᠵᠢᠯ ᠣᠯᠭᠤᠵᠣ ᠦᠢᠯᠡᠰ ᠪᠣᠰᠬᠠᠬᠤ ᠠᠵᠢᠯ ᠢ ᠲᠣᠭᠳᠠᠭᠤᠨ ᠢᠶᠠᠷ ᠲᠡᠭᠡᠭᠰᠢᠯᠡᠬᠦᠯᠪᠠ᠃ 2015 ᠣᠨ ᠳᠤ ᠪᠦᠬᠦ ᠬᠤᠰᠢᠭᠤᠨ ᠤ ᠬᠡᠪᠴᠢᠶᠡᠨ ᠳᠤ 4311 ᠲᠦᠮᠡᠨ ᠲᠦᠭᠦᠷᠢᠭ ᠤᠨ ᠪᠠᠭ᠎ᠠ ᠬᠡᠮᠵᠢᠶᠡᠨ ᠤ ᠪᠠᠳᠤᠯᠠᠭᠠᠳᠤ ᠵᠢᠬᠡᠯᠡᠯᠬᠡ ᠲᠠᠯᠪᠢᠵᠠᠢ︔ 8010 ᠠᠵᠢᠯ ᠤᠨ ᠪᠠᠶᠢᠷᠢ ᠴᠣᠭᠯᠠᠭᠤᠯᠵᠣ᠂ 6.5% ᠎ ᠪᠠᠷ ᠨᠡᠮᠡᠭᠳᠡᠵᠣ᠂ ᠬᠤᠳᠠ ᠪᠠᠯᠭᠠᠰᠤᠨ ᠤ 1841 ᠬᠦᠮᠦᠨ ᠪᠠ 1003 ᠨᠡᠷᠡᠰ ᠬᠤᠳᠠ ᠤᠷᠤᠭᠰᠠᠨ ᠮᠠᠯᠴᠢᠳ ᠲᠤ ᠠᠵᠢᠯ ᠤᠨ ᠪᠠᠶᠢᠷᠢ ᠬᠠᠩᠭᠠᠵᠣ᠂ ᠠᠵᠢᠯ ᠠᠯᠳᠠᠯᠳᠠ ᠶᠢᠨ ᠨᠣᠷᠮ᠎ᠠ ᠶᠢ 3.3%᠎ ᠤᠨ ᠲᠣᠳᠣᠷ᠎ᠠ ᠬᠢᠵᠠᠭᠠᠷᠯᠠᠭᠰᠠᠨ ᠪᠠᠶᠢᠨ᠎ᠠ᠃ ᠨᠡᠶᠢᠬᠡᠮ ᠤᠨ ᠪᠠᠳᠣᠯᠠᠭ᠎ᠠ ᠶᠢᠨ ᠠᠵᠢᠯ ᠤᠨ ᠲᠠᠯ᠎ᠠ ᠳᠤ ᠬᠤᠳᠠ ᠬᠦᠳᠡᠬᠡᠨ ᠤ ᠲᠣᠰᠠᠯᠠᠮᠵᠢ ᠶᠢᠨ ᠠᠵᠢᠯ ᠢ ᠴᠢᠩᠭᠠᠳᠬᠠᠵᠣ᠂ ᠬᠤᠳᠠ ᠪᠠᠯᠭᠠᠰᠣᠨ ᠤ ᠲᠣᠣᠷ᠎ᠠ ᠪᠠᠳᠣᠯᠠᠭ᠎ᠠ ᠶᠢᠨ ᠨᠦᠬᠦᠪᠦᠷᠢᠯᠡᠬᠦ ᠪᠠᠷᠢᠮᠵᠢᠶ᠎ᠠ ᠶᠢ ᠳᠡᠬᠡᠭᠰᠢᠯᠡᠬᠦᠯᠦᠬᠡᠳ ᠬᠦᠮᠦᠨ ᠪᠦᠷᠢ ᠳᠤ ᠳᠤᠮᠳᠠᠴᠢ ᠪᠠᠷ ᠵᠢᠯ ᠪᠤᠯᠭᠠᠨ 5172 ᠲᠦᠬᠦᠷᠢᠭ ᠪᠤᠯᠭᠠᠵᠦ᠂ ᠮᠠᠯᠵᠢᠬᠤ ᠣᠷᠣᠨ ᠤ ᠨᠦᠬᠦᠪᠦᠷᠢᠯᠡᠬᠦ ᠪᠠᠷᠢᠮᠵᠢᠶ᠎ᠠ ᠶᠢ ᠳᠡᠬᠡᠭᠰᠢᠯᠡᠬᠦᠯᠦᠬᠡᠳ ᠬᠦᠮᠦᠨ ᠪᠦᠷᠢ ᠳᠤ ᠳᠤᠮᠳᠠᠴᠢ ᠪᠠᠷ ᠵᠢᠯ ᠪᠤᠯᠭᠠᠨ 3380 ᠲᠦᠬᠦᠷᠢᠭ ᠪᠤᠯᠭᠠᠨ᠂ ᠬᠤᠳᠠ ᠬᠦᠳᠡᠬᠡᠨ ᠤ ᠲᠣᠣᠷ᠎ᠠ ᠵᠠᠬ᠎ᠠ ᠶᠢᠨ ᠠᠮᠢᠳᠤᠷᠠᠯ ᠤᠨ ᠪᠠᠳᠣᠯᠠᠭ᠎ᠠ ᠶᠢᠨ ᠮᠦᠩᠬᠦ 3349 ᠲᠦᠮᠡᠨ ᠲᠦᠭᠦᠷᠢᠭ ᠲᠠᠷᠬᠠᠭᠠᠵᠠᠢ᠃ ᠨᠡᠶᠢᠬᠡᠮ ᠤᠨ ᠳᠠᠭᠠᠳᠬᠠᠯ ᠤᠨ ᠨᠦᠬᠦᠪᠦᠷᠢ ᠶᠢ ᠢᠳᠡᠪᠬᠢᠳᠡᠢ ᠦᠭᠴᠦ᠂ ᠪᠦᠬᠦ ᠬᠤᠰᠢᠭᠤᠨ ᠤ 4785 ᠨᠡᠷᠡᠰ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠨ ᠬᠦᠮᠦᠰ ᠤᠨ ᠨᠠᠰᠤᠵᠢᠯ ᠎ ᠤᠨ ᠳᠠᠭᠠᠳᠬᠠᠯ ᠢ ᠰᠠᠷ᠎ᠠ ᠪᠦᠷᠢ ᠬᠦᠮᠦᠨ ᠪᠤᠯᠭᠠᠨ ᠳᠡᠭᠰᠢᠳᠬᠡᠬᠡᠳ 201 ᠳᠦᠬᠦᠷᠢᠭ ᠨᠡᠮᠡᠭᠳᠡᠬᠦᠯᠪᠡ᠃ 1400 ᠳᠦᠮᠡᠨ ᠳᠦᠬᠦᠷᠢᠭ ᠵᠠᠷᠤᠴᠠᠭᠤᠯᠤᠨ᠂ ᠮᠠᠨ ᠤ ᠬᠤᠰᠢᠭᠤᠨ ᠤ ᠬᠠᠤᠯᠢ ᠪᠠᠷ ᠳᠤᠭᠳᠠᠭᠠᠭᠰᠠᠨ ᠠᠵᠢᠯ ᠠᠴᠠ ᠪᠠᠨ ᠠᠮᠠᠷᠠᠬᠤ ᠨᠠᠰᠣᠨ ᠠᠴᠠ 10 ᠵᠢᠯ ᠬᠦᠷᠬᠦ ᠦᠬᠡᠢ ᠤᠯᠤᠰ ᠤᠨ ᠠᠵᠤ ᠠᠬᠤᠶᠢᠯᠠᠯ ᠪᠤᠯᠤᠨ ᠬᠠᠮᠳᠤ ᠶᠢᠨ ᠠᠵᠤ ᠠᠬᠤᠶᠢᠯᠠᠯ ᠠᠴᠠ ᠠᠵᠢᠯ ᠠᠯᠳᠠᠭᠰᠠᠨ ᠠᠵᠢᠯᠳᠠᠨ ᠳᠤ ᠨᠡᠶᠢᠬᠡᠮ ᠤᠨ ᠳᠠᠭᠠᠳᠬᠠᠯ ᠤᠨ ᠨᠦᠬᠦᠪᠦᠷᠢ ᠶᠢ ᠦᠷᠬᠦᠯᠵᠢᠯᠡᠨ ᠤᠯᠭᠤᠵᠠᠢ᠃ ᠬᠤᠳᠠ ᠪᠠᠯᠭᠠᠰᠤᠨ ᠤ ᠠᠵᠢᠯᠳᠠᠳ ᠤᠨ ᠦᠨᠳᠦᠰᠦᠨ ᠡᠮᠴᠢᠯᠡᠬᠡᠨ ᠤ ᠳᠠᠭᠠᠳᠬᠠᠯ ᠤᠨ ᠬᠦᠷᠳᠡᠮᠵᠢ ᠎ ᠶᠢᠨ ᠬᠢᠷᠢ ᠳᠦᠪᠰᠢᠨ ᠳᠤ ᠳᠠᠬᠢᠨ ᠳᠤᠬᠢᠷᠠᠭᠤᠯᠤᠯᠳᠠ ᠬᠢᠵᠦ᠂ ᠴᠠᠶᠢᠷᠠᠭᠤᠯᠬᠤ ᠬᠠᠷᠢᠴᠠᠯ ᠢ 3%᠎ ᠪᠠᠷ ᠳᠡᠬᠡᠭᠰᠢᠯᠡᠬᠦᠯᠵᠠᠢ᠃ ᠣᠷᠣᠨ ᠰᠠᠭᠤᠴᠠ ᠶᠢᠨ ᠪᠠᠳᠣᠯᠠᠭ᠎ᠠ ᠶᠢᠨ ᠴᠢᠳᠠᠪᠦᠷᠢ ᠲᠣᠭᠳᠠᠭᠤᠨ ᠢᠶᠠᠷ ᠲᠡᠭᠡᠭᠰᠢᠯᠡᠵᠣ᠂ 6.5 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ 1078 ᠢᠵᠢ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ ᠶᠢ ᠦᠷᠬᠦᠯᠵᠢᠯᠡᠨ ᠪᠠᠶᠢᠭᠤᠯᠪᠠ᠃ ᠡᠬᠦᠨ ᠤ ᠬᠠᠮᠳᠤ ᠬᠢᠮᠳᠠ ᠳᠦᠷᠢᠶᠡᠰᠦᠨ ᠣᠷᠣᠨ ᠰᠠᠭᠤᠴᠠ ᠶᠢᠨ ᠨᠦᠬᠦᠪᠦᠷᠢ 46.6 ᠲᠦᠮᠡᠨ ᠲᠦᠭᠦᠷᠢᠭ ᠲᠠᠷᠬᠠᠭᠠᠵᠠᠢ᠃ ᠮᠠᠯᠵᠢᠬᠤ ᠣᠷᠣᠨ ᠤ ᠨᠠᠰᠣᠳᠠᠨ ᠢ ᠠᠰᠠᠷᠠᠬᠤ ᠢᠨᠵᠧᠨᠧᠷᠢᠩ ᠤᠨ ᠪᠠᠶᠢᠭᠤᠯᠣᠯᠳᠠ ᠶᠢ ᠳᠡᠮᠵᠢᠵᠦ᠂ ︽ᠪᠠᠶᠠᠰᠣᠯ︾ ᠮᠠᠯᠵᠢᠬᠤ ᠣᠷᠣᠨ ᠤ ᠨᠠᠰᠣᠳᠠᠨ ᠢ ᠠᠰᠠᠷᠠᠬᠤ ᠬᠦᠷᠢᠶᠡᠯᠡᠩ ᠠᠰᠢᠭᠯᠠᠯᠳᠠ ᠳᠤ ᠣᠷᠣᠵᠣ᠂ ᠤᠳᠤᠬᠠᠨ 225 ᠮᠠᠯᠴᠢᠨ ᠡᠷᠣᠬᠡ ᠨᠡᠬᠦᠨ ᠤᠷᠤᠭᠰᠠᠨ ᠪᠠᠶᠢᠨ᠎ᠠ᠃ ︽ᠠᠵᠠᠳᠠᠢ︾ ᠪᠡᠶ᠎ᠡ ᠰᠤᠪᠢᠯᠠᠬᠤ ᠬᠦᠷᠢᠶᠡᠯᠡᠩ ᠤᠨ ᠪᠠᠶᠢᠭᠤᠯᠣᠯᠳᠠ ᠶᠢ ᠲᠣᠭᠳᠠᠭᠤᠨ ᠢᠶᠠᠷ ᠠᠬᠢᠭᠤᠯᠵᠣ᠂ ᠡᠷᠡᠬᠦᠯᠵᠢᠯ ᠎ ᠤᠨ ᠲᠦᠪ ᠪᠠ ᠨᠠᠰᠤᠳᠠᠶᠢᠴᠤᠳ ᠤᠨ ᠪᠠᠶᠢᠷᠢ ᠶᠢᠨ ᠠᠰᠠᠷ ᠨᠢ ᠠᠰᠢᠭᠯᠠᠯᠳᠠ ᠳᠤ ᠣᠷᠣᠬᠤ ᠨᠦᠬᠦᠴᠡᠯ ᠳᠤ ᠨᠡᠶᠢᠴᠡᠵᠡᠢ᠃ ᠬᠤᠰᠢᠭᠤ ᠨᠠᠰᠣᠳᠠᠶᠢᠴᠣᠳ ᠤᠨ ᠬᠦᠳᠡᠯᠬᠡᠬᠡᠨ ᠤ ᠲᠦᠪ ᠠᠰᠢᠭᠯᠠᠯᠳᠠ ᠳᠤ ᠣᠷᠣᠵᠣ᠂ ᠦᠷᠬᠡᠨ ᠣᠯᠠᠨ ᠨᠠᠰᠣᠳᠠᠶᠢᠴᠣᠳ ᠤᠨ ᠬᠦᠳᠡᠯᠬᠡᠬᠡᠨ ᠦᠷᠨᠢᠬᠦᠯᠬᠦ ᠳᠤ ᠲᠦᠭᠦᠮ ᠨᠦᠬᠦᠴᠡᠯ ᠢ ᠬᠠᠩᠭᠠᠭᠰᠠᠨ ᠪᠠᠶᠢᠨ᠎ᠠ᠃ ᠰᠢᠨ᠎ᠡ ᠎ ᠪᠠᠷ ᠪᠠᠶᠢᠭᠤᠯᠣᠭᠰᠠᠨ ᠣᠷᠣᠰᠢᠭᠤᠯᠭ᠎ᠠ ᠶᠢᠨ ᠭᠠᠵᠠᠷ ᠪᠠ ᠨᠡᠶᠢᠳᠠ ᠶᠢᠨ ᠣᠩᠭᠤᠨ ᠤ ᠭᠠᠵᠠᠷ ᠨᠢᠬᠡᠨᠳᠠ ᠠᠰᠢᠭᠯᠠᠯᠳᠠ ᠎ ᠳᠤ ᠣᠷᠣᠵᠠᠢ᠃ ᠠᠯᠪᠠᠨ ᠪᠠᠶᠢᠭᠤᠯᠣᠯᠭ᠎ᠠ ᠪᠠ ᠠᠵᠢᠯ ᠦᠢᠯᠡᠰ ᠤᠨ ᠪᠠᠶᠢᠭᠤᠯᠣᠯᠭ᠎ᠠ ᠨᠢᠬᠡᠴᠡ ᠶᠢᠨ ᠠᠵᠢᠯᠳᠠᠨ ᠤ ᠴᠠᠯᠢᠩ ᠣᠯᠭᠤᠮᠵᠢ ᠶᠢ ᠵᠣᠬᠢᠴᠠᠭᠤᠯᠬᠤ ᠠᠵᠢᠯ ᠢ ᠨᠢᠬᠡᠨᠳᠠ ᠪᠡᠶᠡᠯᠡᠬᠦᠯᠵᠣ᠂ ᠠᠵᠢᠯᠳᠠᠨ ᠤ ᠴᠠᠯᠢᠩ ᠲᠠᠢ ᠪᠠᠷ ᠠᠮᠠᠷᠠᠬᠤ ᠲᠦᠷᠢᠮ ᠢ ᠬᠡᠷᠡᠭᠵᠢᠬᠦᠯᠦᠨ᠂ ᠠᠵᠢᠯᠳᠠᠨ ᠤ ᠠᠯᠪᠠᠨ ᠲᠣᠰᠢᠶᠠᠯ ᠪᠠ ᠲᠣᠰᠢᠶᠠᠯ ᠤᠨ ᠲᠡᠰ ᠢ ᠵᠡᠷᠬᠡᠪᠡᠷ ᠬᠡᠷᠡᠭᠵᠢᠬᠦᠯᠬᠦ ᠪᠠ ᠰᠣᠮᠣ ᠪᠠᠯᠭᠠᠰᠣᠨ ᠤ ᠠᠯᠪᠠᠨ ᠪᠠᠶᠢᠭᠤᠯᠣᠯᠭ᠎ᠠ ᠶᠢᠨ ᠠᠵᠢᠯᠳᠠᠨ ᠳᠤ ᠨᠦᠬᠦᠪᠦᠷᠢ ᠣᠯᠭᠤᠬᠤ ᠠᠵᠢᠯ ᠎ ᠢ ᠠᠮᠵᠢᠯᠳᠠᠳᠠᠢ ᠪᠡᠶᠡᠯᠡᠬᠦᠯᠪᠡ᠃ ᠡᠮᠴᠢᠯᠡᠬᠡᠨ ᠤ ᠪᠠᠳᠣᠯᠠᠭ᠎ᠠ ᠶᠢᠨ ᠠᠵᠢᠯ ᠤᠨ ᠲᠠᠯ᠎ᠠ ᠳᠤ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠨᠠᠷ ᠴᠢᠨᠰᠠᠭ᠎ᠠ ᠪᠠ ᠦᠢᠯᠡᠴᠢᠯᠡᠬᠡᠨ ᠤ ᠴᠢᠳᠠᠪᠤᠷᠢ ᠶᠢ ᠳᠡᠬᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠳᠦᠯᠦᠪᠵᠢᠬᠦᠯᠬᠡ ᠶᠢ ᠡᠬᠢᠯᠡᠬᠦᠯᠵᠦ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠎ ᠤ ᠦᠬᠡᠷᠡᠴᠢᠯᠡᠯᠳᠠ ᠶᠢᠨ ᠱᠠᠳᠤᠴᠢ ᠴᠢᠨᠠᠷᠳᠠᠢ ᠬᠠᠷᠠᠯᠳᠠ ᠶᠢ ᠪᠡᠶᠡᠯᠡᠬᠦᠯᠤᠨ᠂  ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ᠂ ᠮᠤᠩᠭᠤᠯ ᠡᠮᠨᠡᠯᠬᠡ ᠶᠢᠨ ᠬᠤᠷᠢᠶ᠎ᠠ᠂ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠨᠢ ᠡᠮ ᠤᠨ ᠵᠦᠢᠯ ᠎ ᠳᠤ ᠦᠷᠳᠡᠭ ᠨᠡᠮᠡᠷᠢᠯᠡᠬᠦ ᠶᠢ ᠪᠦᠬᠦᠨ ᠢ ᠦᠬᠡᠶᠢᠰᠬᠡᠨ᠂ ᠡᠮ ᠤᠨ ᠵᠦᠢᠯᠡᠰ ᠢ ᠤᠷᠤᠭᠤᠯᠤᠭᠰᠠᠨ ᠦᠨ᠎ᠡ ᠪᠠᠷ ᠨᠢ ᠬᠤᠳᠠᠯᠳᠤᠬᠤ ᠶᠢ ᠪᠡᠶᠡᠯᠡᠬᠦᠯᠵᠠᠢ᠃ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠳᠠ ᠶᠢ ᠳᠦᠯᠬᠢᠨ ᠠᠬᠢᠭᠤᠯᠵᠦ᠂ ᠮᠤᠩᠭᠤᠯ ᠡᠮᠨᠡᠯᠬᠡ ᠶᠢᠨ ᠬᠤᠷᠢᠶ᠎ᠠ ᠶᠢᠨ ᠶᠡᠷᠤᠩᠬᠡᠶᠢᠯᠡᠭᠰᠡᠨ ᠠᠰᠠᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ ᠦᠨᠳᠦᠰᠦᠨ ᠡᠮᠨᠡᠯᠬᠡ ᠶᠢᠨ ᠪᠠᠳᠤᠯᠠᠭ᠎ᠠ ᠶᠢ ᠳᠠᠰᠤᠷᠠᠯᠳᠠ ᠦᠬᠡᠢ ᠳᠡᠬᠡᠭᠰᠢᠯᠡᠬᠦᠯᠵᠦ᠂ ᠡᠮ ᠡᠮᠨᠡᠯᠬᠡ ᠡᠷᠡᠬᠦᠯ ᠬᠠᠮᠠᠭᠠᠯᠠᠯ ᠎ ᠤᠨ ᠨᠡᠬᠦᠳᠡᠯ ᠦᠢᠯᠡᠴᠢᠯᠡᠬᠡᠨ ᠤ ᠳᠡᠷᠬᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠡᠷᠡᠬᠦᠯ ᠮᠡᠨᠳᠤ ᠶᠢᠨ ᠪᠠᠳᠤᠯᠠᠭ᠎ᠠ ᠶᠢᠨ ᠵᠢᠵᠢᠭ ᠬᠠᠶᠢᠷᠴᠠᠭ ᠢ ᠳᠠᠷᠬᠠᠭᠠᠬᠤ ᠠᠵᠢᠯᠯᠠᠭ᠎ᠠ ᠲᠠᠢ ᠤᠶᠠᠯᠳᠤᠭᠤᠯᠵᠤ᠂ ᠳᠤᠭᠳᠠᠮᠠᠯ ᠪᠠ ᠨᠡᠬᠦᠳᠡᠯ ᠦᠢᠯᠡᠴᠢᠯᠡᠭᠡ ᠶᠢ ᠬᠠᠷᠢᠯᠴᠠᠨ ᠠᠪᠴᠠᠯᠳᠤᠭᠤᠯᠤᠭᠰᠠᠨ ᠵᠠᠭᠪᠤᠷ ᠢᠶᠠᠷ ᠳᠠᠮᠵᠢᠨ᠂ ᠦᠷᠬᠡᠨ ᠤᠯᠠᠨ ᠳᠦᠮᠡᠨ ᠳᠤ ᠦᠨᠳᠦᠰᠦᠨ ᠡᠮ ᠡᠮᠨᠡᠯᠬᠡ ᠪᠠ ᠦᠨᠳᠦᠰᠦᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠠᠩᠭᠠᠪᠠ ᠃ ᠮᠠᠯᠵᠢᠬᠤ ᠤᠷᠤᠨ ᠤ ᠪᠠᠶᠢᠩᠭᠤ ᠶᠢᠨ ᠰᠠᠭᠤᠷᠢᠰᠢᠭ᠎ᠠ ᠬᠦᠮᠦᠨ ᠠᠮᠠ ᠳᠤ ᠰᠦᠢᠳᠬᠡᠯ ᠬᠤᠷᠢᠶᠠᠬᠤ ᠦᠬᠡᠢ ᠪᠡᠶ᠎ᠡ ᠎ ᠶᠢᠨ ᠪᠠᠶᠢᠴᠠᠭᠠᠯᠳᠠ ᠬᠢᠵᠦ ︵ᠡᠷᠡᠭᠳᠡᠢ 45-55 ᠨᠠᠰᠤ᠂ ᠡᠮᠡᠭᠳᠡᠢ 40-50 ᠨᠠᠰᠤ︶᠂ ᠪᠠᠶᠢᠴᠠᠭᠠᠭᠰᠠᠨ ᠨᠤᠷᠮ᠎ᠠ 85%᠎ ᠳᠤ ᠬᠦᠷᠴᠠᠢ᠃ ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠪᠠᠯᠭᠠᠰᠤ ᠶᠢᠨ ᠦᠷ᠎ᠡ ᠪᠦᠳᠦᠬᠡᠯ ᠢᠶᠠᠨ ᠪᠠᠳᠤᠳᠬᠠᠬᠤ ᠡᠬᠦᠳᠡᠨ ᠠᠴᠠ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭᠠᠨ ᠤ ᠰᠠᠷ᠎ᠠ ᠪᠠ ᠨᠠᠮᠤᠷ ᠡᠪᠦᠯ ᠤᠨ ᠤᠯᠠᠷᠢᠯ ᠤᠨ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ ᠳᠦᠪᠯᠡᠷᠡᠬᠦᠯᠦᠨ ᠵᠠᠰᠠᠨ ᠴᠡᠭᠴᠡᠯᠡᠬᠦ ᠠᠵᠢᠯᠯᠠᠭ᠎ᠠ ᠶᠢ ᠦᠷᠨᠢᠬᠦᠯᠪᠡ᠃  ᠦᠨᠳᠦᠰᠦᠨ ᠡᠮ ᠡᠮᠨᠡᠯᠬᠡ ᠶᠢᠨ ᠪᠠᠳᠤᠯᠠᠭᠠᠨ ᠤ ᠳᠦᠪᠰᠢᠨ ᠢ ᠦᠷᠬᠡᠳᠬᠡᠨ᠂ ᠮᠠᠯᠵᠢᠬᠤ ᠣᠷᠣᠨ ᠤ ᠬᠤᠷᠰᠢᠭᠰᠠᠨ ᠡᠮᠨᠡᠯᠬᠡ ᠶᠢᠨ ᠬᠦᠮᠦᠨ ᠪᠦᠷᠢ ᠶᠢᠨ ᠲᠣᠰᠢᠶᠠᠬᠤ ᠪᠠᠷᠢᠮᠵᠢᠶ᠎ᠠ ᠶᠢ 490 ᠲᠦᠭᠦᠷᠢᠭ ᠪᠣᠯᠭᠠᠨ ᠲᠡᠭᠡᠭᠰᠢᠯᠡᠬᠦᠯᠵᠣ᠂ ᠡᠬᠦᠨ ᠳᠤ ᠵᠠᠰᠠᠭ ᠤᠨ ᠣᠷᠳᠣᠨ ᠠᠴᠠ 400 ᠲᠦᠭᠦᠷᠢᠭ ᠨᠦᠬᠦᠪᠦᠷᠢᠯᠡᠭᠰᠡᠨ ᠠᠴᠠ ᠬᠤᠷᠰᠢᠭᠰᠠᠨ ᠡᠮᠨᠡᠯᠬᠡ ᠳᠤ ᠣᠷᠣᠭᠰᠠᠨ ᠨᠣᠷᠮ᠎ᠠ ᠶᠢ 96%᠎ ᠠᠴᠠ ᠲᠡᠭᠡᠭᠰᠢ ᠪᠠᠶᠢᠬᠤ ᠶᠢ ᠪᠠᠳᠣᠯᠠᠵᠠᠢ᠃ ᠡᠬᠦᠨ ᠤ ᠬᠠᠮᠳᠤ ᠬᠤᠷᠰᠢᠭᠰᠠᠨ ᠡᠮᠨᠡᠯᠬᠡ ᠳᠤ ᠤᠷᠤᠭᠰᠠᠨ 9502 ᠬᠦᠮᠦᠨ ᠤᠳᠠᠭ᠎ᠠ ᠶᠢᠨ 1634 ᠳᠦᠮᠡᠨ ᠳᠦᠬᠦᠷᠢᠭ ᠤᠨ ᠡᠮᠴᠢᠯᠡᠬᠡᠨ ᠤ ᠰᠦᠢᠳᠬᠡᠯ ᠤᠨ ᠳᠠᠩᠰᠠ ᠶᠢ ᠴᠠᠶᠢᠷᠠᠭᠤᠯᠵᠦ ᠦᠭᠪᠡ᠃ ᠳᠦᠯᠦᠪᠯᠡᠬᠡᠳᠤ ᠦᠷᠡᠵᠢᠯ ᠤᠨ ᠠᠵᠢᠯ ᠢ ᠯᠠᠪᠳᠠᠭᠤᠨ ᠠᠬᠢᠭᠤᠯᠵᠦ᠂  ᠬᠦᠮᠦᠨ ᠠᠮᠠ ᠶᠢᠨ ᠳᠦᠷᠦᠯᠳᠡ ᠶᠢᠨ ᠨᠤᠷᠮ᠎ᠠ 9.1% ᠪᠤᠯᠪᠠ     ︵ᠨᠠᠢᠮᠠ︶ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠲᠣᠭᠳᠠᠭᠤᠨ ᠢᠶᠠᠷ ᠲᠦᠯᠬᠢᠨ ᠠᠬᠢᠭᠤᠯᠪᠠ᠃ 2015 ᠣᠨ ᠳᠤ 6.8 ᠳ᠋ᠦᠩᠰᠢᠭᠤᠷ ᠲᠦᠭᠦᠷᠢᠭ ᠵᠠᠷᠣᠴᠠᠭᠤᠯᠵᠣ᠂ 61 ᠭᠠᠴᠠᠭᠠᠨ ᠤ ︽ᠠᠷᠪᠠ ᠶᠢ ᠪᠦᠷᠬᠦᠬᠦᠯᠬᠦ ︾ ᠢᠨᠵᠧᠨᠧᠷᠢᠩ ᠤᠨ ᠠᠵᠢᠯ ᠢ ᠭᠤᠣᠯᠳᠠᠯᠭ᠎ᠠ ᠲᠠᠢ ᠪᠡᠶᠡᠯᠡᠬᠦᠯᠵᠡᠢ᠃ 5843 ᠢᠵᠢ ᠠᠶᠣᠯᠳᠠᠢ ᠬᠡᠷ ᠪᠠᠶᠢᠰᠢᠩ ᠢ ᠰᠡᠯᠪᠢᠨ ᠵᠠᠰᠠᠵᠣ᠂ ᠡᠬᠦᠷᠬᠡ ᠪᠠᠨ 146%᠎ ᠪᠠᠷ ᠲᠠᠪᠠᠭᠤᠯᠣᠨ ᠪᠡᠶᠡᠯᠡᠬᠦᠯᠵᠡᠢ᠃ ᠡᠬᠦᠨ ᠳᠤ 476 ᠬᠡᠷ ᠪᠠᠶᠢᠰᠢᠩ ᠎ ᠢ ᠨᠢ ᠰᠢᠨ᠎ᠡ ᠪᠠᠷ ᠪᠠᠷᠢᠵᠦ᠂ 5367 ᠬᠡᠷ ᠪᠠᠶᠢᠰᠢᠩ ᠢ ᠰᠠᠯᠪᠢᠨ ᠵᠠᠰᠠᠵᠠᠢ᠃ 1228 ᠠᠮᠠᠰᠠᠷ ᠬᠤᠳᠳᠤᠭ ᠣᠬᠤᠵᠣ᠂ 200 ᠤᠰᠤ ᠬᠠᠳᠠᠭᠠᠯᠠᠬᠤ ᠵᠤᠭᠤᠷᠢ ᠪᠠᠶᠢᠭᠤᠯᠤᠨ᠂ ᠣᠰᠣ ᠠᠷᠢᠭᠤᠳᠬᠠᠬᠤ ᠲᠦᠭᠦᠭᠡᠷᠣᠮᠵᠢ 190᠎ ᠶᠢ ᠤᠭᠰᠠᠷᠠᠭᠰᠠᠨ ᠪᠠᠶᠢᠨ᠎ᠠ᠃ 38.3 ᠺᠢᠯᠣᠮᠧᠲᠷ ᠪᠦᠬᠦᠢ ᠵᠡᠬᠡᠯᠢ ᠭᠤᠳᠣᠮᠵᠢ ᠶᠢ ᠬᠠᠳᠠᠭᠤᠷᠠᠭᠤᠯᠣᠨ᠂ ᠡᠬᠦᠷᠬᠡ ᠪᠠᠨ 135%᠎ ᠪᠠᠷ ᠲᠠᠪᠠᠭᠤᠯᠣᠨ ᠪᠡᠶᠡᠯᠡᠬᠦᠯᠵᠡᠢ᠃ 518 ᠮᠠᠯᠴᠢᠨ ᠡᠷᠣᠬᠡ ᠳᠤ ᠪᠠᠶᠢᠩᠭᠤ ᠶᠢᠨ ᠴᠠᠬᠢᠯᠭᠠᠨ ᠨᠡᠪᠳᠡᠷᠡᠬᠦᠯᠦᠨ᠂ 800 ᠢᠵᠢ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠲᠦᠭᠦᠭᠡᠷᠣᠮᠵᠢ ᠶᠢ ᠲᠡᠰᠵᠢᠬᠦᠯᠪᠠ᠃ ᠡᠷᠣᠬᠡ ᠪᠣᠯᠭᠠᠨ ᠳᠤ ᠨᠡᠪᠳᠡᠷᠡᠬᠦ ᠲᠣᠬᠢᠶᠠᠨ ᠦᠷᠳᠡᠭᠡ ᠪᠠ ᠲᠣᠭᠠᠴᠢᠯᠠᠭᠰᠠᠨ ᠪᠢᠴᠢᠯ ᠲᠣᠯᠬᠢᠶᠠᠨ ᠦᠷᠳᠡᠭᠡ 11᠎ ᠶᠢ ᠪᠠᠶᠢᠭᠤᠯᠵᠣ᠂ 1000 ᠢᠵᠢ ᠷᠠᠳᠢᠤ᠋ ᠲᠧᠯᠸᠢᠰ ᠦᠵᠡᠬᠦ ᠲᠦᠭᠦᠭᠡᠷᠣᠮᠵᠢ ᠲᠠᠷᠬᠠᠭᠠᠪᠠ︔   ᠮᠠᠯᠵᠢᠬᠤ ᠤᠷᠤᠨ ᠤ 1000 ᠡᠷᠦᠬᠡ ᠳᠤ ᠤᠳᠠᠰᠤ ᠦᠬᠡᠢ ᠰᠦᠯᠵᠢᠶ᠎ᠡ ᠶᠢ ᠨᠡᠪᠳᠡᠷᠡᠬᠦᠯᠵᠠᠢ᠃ ᠭᠠᠷ ᠣᠳᠠᠰᠣᠨ ᠤ ᠲᠣᠬᠢᠶᠠᠨ ᠦᠷᠳᠡᠭᠡ 35᠎ ᠶᠢ ᠪᠠᠶᠢᠭᠤᠯᠵᠣ᠂ ᠡᠬᠦᠷᠬᠡ ᠪᠠᠨ159%᠎ ᠪᠠᠷ ᠲᠠᠪᠠᠭᠤᠯᠣᠨ ᠪᠡᠶᠡᠯᠡᠬᠦᠯᠵᠡᠢ᠃  ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ ᠤᠨ ᠪᠠᠭ᠎ᠠ ᠰᠣᠷᠭᠠᠭᠤᠯᠢ ᠶᠢᠨ ᠪᠠᠶᠢᠷᠢ ᠪᠠ ᠭᠤᠷᠣᠬᠠᠨ ᠪᠠᠯᠭᠠᠰᠣᠨ ᠤ ᠬᠡᠣᠬᠡᠳ ᠤᠨ ᠴᠡᠴᠡᠷᠯᠢᠭ ᠤᠨ ᠪᠠᠭᠰᠢ ᠶᠢᠨ ᠪᠠᠶᠢᠷᠢ ᠴᠦᠮ ᠠᠰᠢᠭᠯᠠᠯᠳᠠ ᠳᠤ ᠣᠷᠣᠪᠠ᠃ ᠭᠠᠴᠠᠭᠠᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ 26᠎ ᠶᠢ ᠪᠠᠶᠢᠭᠤᠯᠵᠠᠢ᠃ ᠭᠠᠴᠠᠭᠠᠨ ᠤ ᠬᠦᠳᠡᠯᠬᠡᠬᠡᠨ ᠤ ᠲᠠᠰᠤᠭ ᠤᠨ ᠲᠦᠭᠦᠭᠡᠷᠣᠮᠵᠢ 54 ᠢᠵᠢ ᠲᠠᠷᠬᠠᠭᠠᠵᠣ᠂ 3 ᠰᠣᠶᠣᠯ ᠤᠨ ᠦᠷᠣᠬᠡ ᠶᠢ ᠰᠢᠨ᠎ᠡ ᠪᠠᠷ ᠪᠠᠶᠢᠭᠤᠯᠣᠨ᠂ 15 ᠭᠠᠴᠠᠭᠠᠨ ᠤ ᠰᠣᠶᠣᠯ ᠤᠨ ᠦᠷᠣᠬᠡ ᠶᠢ ᠰᠡᠯᠪᠢᠨ ᠵᠠᠰᠠᠵᠣ᠂ ᠪᠦᠬᠦ ᠬᠤᠰᠢᠭᠤᠨ ᠤ 93 ᠭᠠᠴᠠᠭ᠎ᠠ ᠴᠦᠮ ᠰᠣᠶᠣᠯ ᠤᠨ ᠦᠷᠣᠬᠡ ᠲᠠᠢ ᠪᠣᠯᠣᠭᠰᠠᠨ ᠪᠠᠶᠢᠨ᠎ᠠ᠃ ᠠᠷᠠᠳ ᠲᠤ ᠲᠦᠭᠦᠮ ᠦᠵᠡᠬᠦᠯᠬᠦ ᠬᠤᠯᠪᠣᠭᠠᠳᠣ ᠲᠡᠯᠬᠡᠬᠦᠷ 30᠎ ᠶᠢ ᠪᠠᠶᠢᠭᠤᠯᠣᠨ᠂ ᠡᠬᠦᠷᠬᠡ ᠎ ᠪᠠᠨ 120%᠎ ᠪᠠᠷ ᠲᠠᠪᠠᠭᠤᠯᠣᠨ ᠪᠡᠶᠡᠯᠡᠬᠦᠯᠵᠠᠢ᠃ ᠨᠡᠶᠢᠬᠡᠮ ᠤᠨ ᠪᠠᠳᠣᠯᠠᠭ᠎ᠠ ᠶᠢᠨ ᠢᠨᠵᠧᠨᠧᠷᠢᠩ ᠤᠨ ᠲᠠᠯ᠎ᠠ ᠳᠤ ᠬᠤᠳᠠ ᠬᠦᠳᠡᠬᠡᠨ ᠤ ᠰᠠᠭᠤᠭᠠᠯᠢ ᠠᠷᠠᠳ ᠤᠨ ᠨᠠᠰᠣᠵᠢᠯ ᠤᠨ ᠨᠦᠬᠦᠪᠦᠷᠢ ᠶᠢᠨ ᠪᠠᠷᠢᠮᠵᠢᠶ᠎ᠠ ᠰᠠᠷ᠎ᠠ ᠪᠣᠯᠭᠠᠨ 65 ᠲᠦᠭᠦᠷᠢᠭ ᠪᠠᠶᠢᠭᠰᠠᠨ ᠢ ᠲᠡᠭᠡᠭᠰᠢᠯᠡᠬᠦᠯᠦᠬᠡᠳ 85 ᠲᠦᠭᠦᠷᠢᠭ ᠪᠣᠯᠭᠠᠵᠣ᠂ 78 ᠪᠦᠬᠦᠯᠢ ᠨᠠᠰᠣᠨ ᠠᠴᠠ ᠲᠡᠭᠡᠭᠰᠢᠬᠢ 792 ᠨᠡᠷᠡᠰ ᠦᠨᠳᠦᠷ ᠨᠠᠰᠣᠳᠠᠶᠢᠴᠣᠳ ᠲᠤ 110 ᠲᠦᠮᠡᠨ ᠲᠦᠭᠦᠷᠢᠭ ᠤᠨ ᠦᠨᠳᠦᠷ ᠨᠠᠰᠣᠳᠠᠨ ᠤ ᠨᠦᠬᠦᠪᠦᠷᠢ ᠣᠯᠭᠤᠵᠣ᠂ ᠪᠡᠯᠴᠢᠭᠡᠷᠯᠡᠬᠦᠯᠬᠦ ᠶᠢ ᠵᠤᠭᠰᠤᠭᠠᠭᠰᠠᠨ ᠣᠷᠣᠨ ᠠᠴᠠ ᠭᠠᠳᠠᠨᠠᠬᠢ ᠮᠠᠯᠵᠢᠬᠤ ᠣᠷᠣᠨ ᠤ 2983 ᠨᠡᠷᠡᠰ 60 ᠨᠠᠰᠣᠨ ᠠᠴᠠ ᠲᠡᠭᠡᠭᠰᠢᠬᠢ ᠨᠠᠰᠣᠳᠠᠶᠢᠴᠣᠳ ᠲᠤ ᠬᠦᠮᠦᠨ ᠪᠦᠷᠢ ᠵᠢᠯ ᠪᠣᠯᠭᠠᠨ 1200 ᠲᠦᠭᠦᠷᠢᠭ ᠤᠨ ᠨᠦᠬᠦᠪᠦᠷᠢ ᠣᠯᠭᠤᠵᠣ᠂ 7036 ᠬᠦᠮᠦᠨ ᠳᠤ ᠮᠠᠯᠵᠢᠬᠤ ᠣᠷᠣᠨ ᠤ ᠰᠢᠨ᠎ᠡ ᠬᠤᠷᠰᠢᠭᠰᠠᠨ  ᠡᠮᠨᠡᠯᠬᠡ ᠶᠢᠨ ᠲᠠᠭᠠᠳᠬᠠᠯ ᠤᠨ ᠮᠦᠩᠬᠦ 1172 ᠲᠦᠮᠡᠨ ᠲᠦᠭᠦᠷᠢᠭ ᠨᠦᠬᠦᠪᠦᠷᠢᠯᠡᠵᠡᠢ᠃     ︵ᠶᠢᠰᠣ︶ ᠡᠯ᠎ᠡ ᠲᠦᠷᠦᠯ ᠤᠨ ᠦᠬᠡᠷᠡᠴᠢᠯᠡᠯᠳᠠ ᠶᠢ ᠬᠦᠨᠵᠡᠬᠡᠢ ᠲᠦᠯᠬᠢᠨ ᠠᠬᠢᠭᠤᠯᠪᠠ᠃  116 ᠲᠦᠷᠦᠯ ᠎ ᠤᠨ ᠠᠵᠣ ᠠᠬᠤᠢ ᠶᠢᠨ ᠰᠢᠰᠲ᠋ᠧᠮᠵᠢ᠂ ᠠᠮᠢ ᠠᠬᠤᠢ ᠶᠢᠨ ᠪᠣᠯᠪᠠᠰᠣᠨ ᠤ ᠰᠢᠰᠲ᠋ᠧᠮᠵᠢ ᠪᠠ ᠨᠡᠶᠢᠬᠡᠮ ᠤᠨ ᠰᠢᠰᠲ᠋ᠧᠮᠵᠢ ᠎ ᠶᠢᠨ ᠦᠬᠡᠷᠡᠴᠢᠯᠡᠯᠳᠠ ᠶᠢᠨ ᠡᠬᠦᠷᠬᠡ ᠶᠢ ᠡᠬᠢᠯᠡᠬᠦᠯᠵᠣ᠂ 63 ᠲᠦᠷᠦᠯ ᠢ ᠨᠢ ᠪᠡᠶᠡᠯᠡᠬᠦᠯᠦᠨ᠂ 138 ᠲᠦᠷᠦᠯ ᠨᠢ ᠦᠬᠡᠷᠡᠴᠢᠯᠡᠯᠳᠠ ᠶᠢᠨ ᠦᠷ᠎ᠠ ᠠᠰᠢᠭ ᠲᠠᠢ ᠪᠣᠯᠵᠠᠢ᠃  ᠰᠣᠷᠭᠠᠭᠤᠯᠢ ᠶᠢᠨ ᠵᠠᠬᠢᠷᠣᠯ ᠤᠨ ᠰᠣᠯᠢᠯᠴᠠᠭ᠎ᠠ ᠵᠡᠷᠬᠡ 7 ᠲᠣᠷᠰᠢᠯᠳᠠ ᠶᠢᠨ ᠴᠢᠭ ᠤᠨ ᠠᠵᠢᠯ ᠢ ᠲᠦᠯᠬᠢᠨ ᠠᠬᠢᠭᠤᠯᠣᠭᠰᠠᠨ ᠪᠠᠶᠢᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠦᠷᠢᠮ ᠤᠨ ᠦᠬᠡᠷᠡᠴᠢᠯᠡᠯᠳᠠ ᠶᠢ ᠬᠦᠨᠵᠡᠬᠡᠶᠢᠷᠡᠬᠦᠯᠵᠣ᠂ 51 ᠲᠦᠷᠦᠯ ᠤᠨ ᠬᠢᠨᠠᠨ ᠵᠦᠪᠰᠢᠶᠡᠷᠡᠬᠦᠯᠬᠦ ᠠᠯᠬᠤᠮ ᠲᠠᠷᠠᠭ᠎ᠠ ᠶᠢ ᠦᠬᠡᠶᠢᠰᠬᠡᠨ᠂ 232 ᠲᠦᠷᠦᠯ ᠢ ᠨᠢ ᠦᠯᠡᠳᠡᠬᠡᠵᠣ᠂ ᠲᠦᠭᠦᠮᠴᠢᠯᠡᠭᠰᠡᠨ ᠨᠣᠷᠮ᠎ᠠ 18%᠎ ᠳᠤ ᠬᠦᠷᠴᠡᠢ᠃ ᠡᠳ᠋ ᠤᠨ ᠵᠠᠰᠠᠭ ᠤᠨ ᠭᠠᠶᠢᠯᠢ ᠶᠢᠨ ᠰᠢᠰᠲ᠋ᠧᠮᠵᠢ ᠶᠢᠨ ᠦᠬᠡᠷᠡᠴᠢᠯᠡᠯᠳᠠ ᠶᠢ ᠬᠦᠨᠵᠡᠬᠡᠶᠢᠷᠡᠬᠦᠯᠵᠣ᠂ ᠲᠦᠷᠢᠮᠵᠢᠭᠰᠡᠨ᠂ ᠢᠯᠡ ᠲᠣᠳᠣᠷᠬᠠᠢ ᠲᠦᠰᠦᠪ ᠬᠠᠮᠢᠶᠠᠷᠣᠯᠳᠠ ᠶᠢᠨ ᠲᠦᠷᠢᠮ ᠢ ᠬᠡᠷᠡᠭᠵᠢᠬᠦᠯᠪᠡ︔ ᠵᠠᠰᠠᠭ ᠤᠨ ᠴᠢᠨᠠᠷᠳᠠᠢ ᠦᠷᠢ ᠦᠭᠴᠡᠭᠡ ᠶᠢ ᠪᠦᠬᠦ ᠲᠠᠯ᠎ᠠ ᠪᠠᠷ ᠳᠦᠷᠢᠮᠵᠢᠬᠦᠯᠦᠨ ᠬᠠᠮᠢᠶᠠᠷᠴᠣ᠂ 2015 ᠣᠨ ᠳᠤ ᠵᠠᠰᠠᠭ ᠤᠨ ᠴᠢᠨᠡᠷᠳᠡᠢ ᠦᠷᠢ ᠦᠭᠴᠡᠭᠡ 6.15 ᠳ᠋ᠦᠩᠰᠢᠭᠤᠷ ᠲᠦᠭᠦᠷᠢᠭ ᠲᠦᠯᠦᠵᠡᠢ᠃     ︵ᠠᠷᠪᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠴᠣᠭᠴᠠᠯᠠᠯᠳᠠ ᠪᠠ ᠨᠡᠶᠢᠬᠡᠮ ᠤᠨ ᠬᠠᠮᠢᠶᠠᠷᠣᠯᠳᠠ ᠶᠢ ᠦᠷᠬᠦᠯᠵᠢᠯᠡᠨ ᠴᠢᠩᠭᠠᠳᠬᠠᠪᠠ᠃ ︽ᠭᠤᠷᠪᠠᠨ ᠴᠢᠩᠭ᠎ᠠ ᠭᠤᠷᠪᠠᠨ ᠪᠣᠳᠠᠳᠠᠢ︾ ᠲᠣᠰᠬᠠᠢ ᠰᠡᠳᠣᠪᠳᠣ ᠰᠣᠷᠭᠠᠨ ᠬᠦᠮᠦᠵᠢᠯ ᠤᠨ ᠦᠢᠯᠡᠳᠣᠯᠬᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠵᠢᠷᠭᠠᠯ ᠨᠦᠬᠦᠷ ᠤᠨ ᠵᠤᠷᠢᠭ ᠰᠠᠨᠠᠭ᠎ᠠ ᠎ ᠶᠢ ᠨᠠᠷᠢᠨ ᠬᠢᠨᠠᠮᠠᠭᠠᠢ ᠰᠤᠷᠤᠯᠴᠠᠨ᠂ ᠲᠡᠬᠦᠨ ᠤ ᠭᠤᠶᠠᠴᠢ ᠦᠬᠡᠢ ᠠᠯᠢᠪᠠ ᠪᠠᠨ ᠡᠷᠬᠦᠬᠦ᠂ ᠠᠵᠢᠯ ᠦᠢᠯᠡᠰ ᠢᠶᠠᠨ ᠡᠷᠬᠢᠮᠯᠡᠨ ᠲᠡᠭᠡᠳᠦᠯᠡᠬᠦ ᠵᠤᠷᠢᠭ ᠰᠠᠨᠠᠭ᠎ᠠ ᠶᠢ ᠤᠯᠠᠮᠵᠢᠯᠠᠨ ᠳᠡᠯᠬᠡᠷᠡᠬᠦᠯᠪᠡ᠃ ︽ᠠᠮᠣᠷ ᠲᠣᠭᠳᠠᠭᠤᠨ ᠪᠠᠷᠠᠭᠤᠨ ᠦᠵᠣᠮᠣᠴᠢᠨ︾ ᠪᠠ ︽ᠬᠠᠣᠯᠢ ᠪᠠᠷ ᠵᠠᠰᠠᠭᠰᠠᠨ ᠪᠠᠷᠠᠭᠤᠨ ᠦᠵᠣᠮᠣᠴᠢᠨ︾᠎ ᠤ ᠴᠣᠭᠴᠠᠯᠠᠯᠳᠠ ᠶᠢ ᠬᠦᠨᠵᠡᠬᠡᠶᠢᠷᠡᠬᠦᠯᠵᠣ᠂ ᠬᠠᠣᠯᠢ ᠶᠢ ᠳᠦᠬᠡᠮᠡᠯᠵᠢᠬᠦᠯᠦᠨ ᠬᠠᠣᠯᠢ ᠪᠠᠷ ᠵᠠᠰᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠵᠡᠢ᠃ ᠪᠠᠶᠠᠩᠬᠤᠸᠠ ᠪᠠᠯᠭᠠᠰᠤᠨ ᠳᠤ ᠨᠡᠶᠢᠬᠡᠮ ᠤᠨ ᠠᠮᠤᠷ ᠢ ᠬᠠᠮᠠᠭᠠᠯᠠᠬᠤ ᠵᠠᠰᠠᠨ ᠴᠡᠭᠴᠡᠯᠡᠯᠳᠡ ᠶᠢᠨ ᠳᠤᠰᠬᠠᠢ ᠠᠵᠢᠯᠯᠠᠭ᠎ᠠ ᠶᠢ ᠦᠷᠨᠢᠬᠦᠯᠬᠦ ᠪᠠᠷ ᠠᠳᠬᠤᠴᠠ ᠪᠤᠯᠭᠠᠵᠦ᠂  284 ᠡᠷᠦᠬᠡ ᠶᠢᠨ 40576 ᠲᠡᠭᠰᠢ ᠳᠦᠷᠪᠡᠯᠵᠢᠨ ᠮᠧᠲᠷ ᠳᠠᠯᠠᠪᠠᠢ ᠪᠦᠬᠦᠢ ᠬᠡᠷ ᠪᠠᠶᠢᠰᠢᠩ ᠪᠠ 44440 ᠤᠷᠳᠤᠳᠬᠠᠭᠰᠠᠨ ᠮᠧᠲᠷ ᠬᠡᠷᠡᠮ ᠬᠠᠰᠢᠶ᠎ᠠ ᠵᠡᠷᠬᠡ ᠳᠦᠷᠢᠮ ᠠᠴᠠ ᠵᠦᠷᠢᠴᠡᠭᠰᠡᠨ ᠪᠠᠷᠢᠯᠭ᠎ᠠ ᠶᠢ ᠨᠤᠷᠠᠭᠠᠪᠠ᠃  ᠪᠠᠯᠭᠠᠷᠭᠤᠤᠯ ᠪᠠᠯᠭᠠᠰᠤᠨ ᠤ ᠡᠷᠭᠢᠨ ᠲᠤᠭᠤᠷᠢᠨ ᠤ ᠣᠷᠴᠢᠨ ᠲᠣᠭᠤᠷᠢᠨ ᠳᠤ ᠵᠠᠰᠠᠯᠳᠠ ᠬᠢᠵᠦ᠂ 21 ᠰᠠᠭᠤᠷᠢ 4512 ᠲᠡᠭᠰᠢ ᠳᠦᠷᠪᠡᠯᠵᠢᠨ ᠮᠧᠲᠷ ᠳᠠᠯᠠᠪᠠᠢ ᠪᠦᠬᠦᠢ ᠳᠦᠷᠢᠮ ᠠᠴᠠ ᠵᠦᠷᠢᠴᠡᠭᠰᠡᠨ ᠪᠠᠷᠢᠯᠭ᠎ᠠ ᠶᠢ ᠨᠤᠷᠠᠭᠠᠪᠠ᠃ 2015 ᠣᠨ ᠳᠤ ᠠᠷᠠᠳ ᠤᠨ ᠲᠦᠯᠦᠬᠡᠯᠡᠭᠴᠢᠳ ᠤᠨ ᠰᠠᠨᠠᠭᠤᠯᠭ᠎ᠠ᠂ ᠰᠢᠬᠦᠮᠵᠢᠯᠡᠯ ᠰᠠᠨᠠᠯ ᠢ 73 ᠬᠤᠪᠢ᠂ ᠣᠯᠣᠰ ᠲᠦᠷᠦ ᠶᠢᠨ ᠵᠦᠪᠯᠡᠯᠬᠡᠨ ᠤ ᠲᠣᠷᠠᠳᠣᠯᠭ᠎ᠠ ᠶᠢ 75 ᠬᠤᠪᠢ ᠬᠦᠢᠴᠡᠳᠬᠡᠵᠡᠢ᠃  ᠺᠠᠳ᠋ᠷ ᠦᠨᠳᠦᠰᠦᠨ ᠱᠠᠳᠣᠨ ᠳᠤ ᠪᠠᠭᠤᠵᠣ᠂ ᠭᠤᠷᠪᠠᠨ ᠱᠠᠳᠣ ᠎ ᠪᠠᠷ ᠵᠢᠱᠢᠶ᠎ᠡ ᠦᠵᠡᠬᠦᠯᠵᠣ ᠲᠠᠭᠠᠭᠤᠯᠣᠨ ᠵᠢᠯᠣᠭᠤᠳᠬᠤ ᠠᠵᠢᠯᠯᠠᠭ᠎ᠠ ᠲᠠᠢ ᠣᠶᠠᠯᠳᠣᠭᠤᠯᠣᠨ᠂ 530 ᠬᠤᠪᠢ ᠡᠯ᠎ᠡ ᠲᠦᠷᠦᠯ ᠤᠨ ᠵᠦᠷᠢᠴᠡᠯ ᠵᠢᠭᠤᠷᠭᠠᠨ ᠢ ᠪᠠᠶᠢᠴᠠᠭᠠᠨ ᠢᠯᠡᠷᠡᠬᠦᠯᠵᠣ᠂ 526 ᠬᠤᠪᠢ ᠶᠢ ᠨᠢ ᠡᠶᠡᠳᠡᠬᠦᠯᠦᠨ ᠰᠢᠢᠳᠪᠦᠷᠢᠯᠡᠭᠰᠡᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ ᠶᠢᠨ ︽ᠳᠠᠪᠤᠨ ᠠᠯᠬᠤᠮᠳᠤ ᠠᠵᠢᠯ ᠤᠨ ᠠᠷᠭ᠎ᠠ︾᠎ ᠶᠢ ᠦᠷᠬᠦᠯᠵᠢᠯᠡᠨ ᠬᠡᠷᠡᠭᠵᠢᠬᠦᠯᠦᠭᠰᠡᠨ ᠠᠴᠠ ᠨᠢᠬᠡ ᠪᠦᠯᠦᠭ ᠪᠣᠳᠣᠯᠢᠶᠠᠨᠳᠠᠢ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠎ ᠢ ᠪᠦᠳᠦᠮᠵᠢᠳᠠᠢ ᠰᠢᠢᠳᠪᠦᠷᠢᠯᠡᠵᠣ᠂ ᠵᠠᠬᠢᠳᠠᠯ ᠰᠣᠷᠪᠣᠯᠵᠢᠯᠠᠭ᠎ᠠ ᠶᠢᠨ ᠨᠡᠷ᠎ᠡ ᠶᠢ ᠵᠡᠬᠦᠵᠦ ᠬᠡᠷᠡᠭ ᠦᠳᠦᠬᠡᠬᠦ ᠪᠠ ᠬᠡᠪ ᠪᠣᠰᠣ ᠵᠠᠬᠢᠳᠠᠯ ᠰᠤᠷᠪᠤᠯᠵᠢᠯᠠᠭ᠎ᠠ ᠬᠢᠭᠰᠡᠳ ᠢ ᠡᠯ᠎ᠡ ᠲᠦᠷᠦᠯ ᠤᠨ ᠬᠡᠷᠡᠴᠢ ᠰᠣᠨᠣᠰᠬᠤ ᠬᠤᠷᠠᠯ ᠬᠢᠬᠦ ᠪᠣᠶᠣ ᠠᠷᠠᠳ ᠎ ᠤᠨ ᠰᠢᠬᠦᠬᠦ ᠬᠤᠷᠢᠶᠠᠨ ᠠᠴᠠ ᠢᠯᠡ ᠪᠠᠷ ᠲᠠᠰᠣᠯᠣᠨ ᠰᠢᠬᠦᠬᠦ ᠬᠡᠯᠪᠡᠷᠢ ᠪᠠᠷ ᠬᠠᠣᠯᠢ ᠴᠠᠭᠠᠵᠠ ᠶᠢᠨ ᠲᠦᠷᠦ ᠶᠢᠨ ᠪᠣᠳᠣᠯᠭ᠎ᠠ ᠪᠠ ᠨᠡᠶᠢᠬᠡᠮ ᠤᠨ ᠬᠦᠴᠦᠨ ᠢᠶᠠᠷ ᠰᠢᠢᠳᠪᠦᠷᠢᠯᠡᠬᠦ ᠶᠢ ᠠᠬᠢᠭᠤᠯᠣᠭᠰᠠᠨ ᠪᠠᠶᠢᠨ᠎ᠠ᠃ ᠬᠦᠳᠡᠯᠮᠦᠷᠢ ᠬᠦᠴᠦᠨ ᠎ ᠤ ᠪᠠᠳᠣᠯᠠᠭ᠎ᠠ ᠶᠢᠨ ᠬᠢᠨᠠᠨ ᠪᠠᠶᠢᠴᠠᠭᠠᠬᠤ ᠵᠢᠴᠢ ᠬᠦᠳᠡᠯᠮᠦᠷᠢ ᠬᠦᠴᠦᠨ ᠤ ᠬᠦᠨᠳᠡᠯᠡᠨ ᠠᠴᠠ ᠲᠡᠰᠦᠯᠠᠬᠤ ᠠᠵᠢᠯ ᠤᠨ ᠡᠷᠴᠢᠮ ᠢ ᠴᠢᠩᠭᠠᠷᠠᠭᠤᠯᠣᠭᠰᠠᠨ ᠠᠴᠠ ᠬᠦᠯᠦᠰᠦᠨ ᠠᠵᠢᠯᠳᠠᠳ ᠢ ᠬᠠᠪᠰᠤᠷᠤᠨ ᠤᠷᠢᠳ ᠬᠤᠵᠢᠳ ᠨᠡᠶᠢᠳᠡ 1615 ᠲᠦᠮᠡᠨ ᠲᠦᠭᠦᠷᠢᠭ ᠤᠨ ᠴᠠᠯᠢᠩ ᠣᠯᠭᠤᠮᠵᠢ ᠶᠢ ᠡᠬᠡᠬᠦᠯᠦᠨ ᠠᠪᠴᠢᠷᠠᠭᠰᠠᠨ ᠪᠠᠶᠢᠨ᠎ᠠ᠃ ᠨᠡᠶᠢᠬᠡᠮ ᠤᠨ ᠵᠠᠰᠠᠨ ᠴᠡᠭᠴᠡᠯᠡᠯᠳᠠ ᠶᠢ ᠴᠢᠩᠭᠠᠷᠠᠭᠤᠯᠵᠣ᠂ ᠣᠨᠴᠠᠭᠠᠢ ᠬᠦᠮᠦᠰ ᠤᠨ ᠬᠠᠮᠢᠶᠠᠷᠣᠯᠳᠠ ᠶᠢᠨ ᠠᠵᠢᠯᠯᠠᠭ᠎ᠠ ᠶᠢ ᠢᠳᠠᠪᠬᠢᠳᠠᠢ ᠦᠷᠨᠢᠬᠦᠯᠦᠭᠰᠡᠨ ᠠᠴᠠ ᠪᠦᠬᠦ ᠬᠤᠰᠢᠭᠤᠨ ᠤ ᠨᠡᠶᠢᠬᠡᠮ ᠤᠨ ᠡᠯ᠎ᠡ ᠲᠠᠪᠬᠤᠷᠭ᠎ᠠ ᠶᠢᠨ ᠲᠣᠭᠳᠠᠭᠤᠨ ᠬᠦᠭᠵᠢᠯᠳᠠ ᠶᠢᠨ ᠪᠠᠶᠢᠳᠠᠯ ᠢ ᠦᠷᠬᠦᠯᠵᠢᠯᠡᠨ ᠪᠠᠳᠣᠯᠠᠭᠰᠠᠨ ᠪᠠᠶᠢᠨ᠎ᠠ᠃     ᠲᠦᠯᠦᠬᠡᠯᠡᠭᠴᠢᠳ ᠡ᠂ ᠦᠩᠭᠡᠷᠡᠭᠰᠡᠨ ᠨᠢᠬᠡ ᠵᠢᠯ ᠳᠤ ᠪᠢᠳᠠ ︽ᠠᠷᠪᠠᠨ ᠬᠤᠶᠠᠳᠣᠭᠠᠷ ᠲᠠᠪᠣᠨ ᠵᠢᠯ ᠤᠨ ᠲᠦᠯᠦᠪᠵᠢᠬᠦᠯᠬᠡ︾᠎ ᠶᠢ ᠲᠡᠭᠦᠰ ᠠᠮᠵᠢᠯᠳᠠᠳᠠᠢ ᠪᠡᠶᠡᠯᠡᠬᠦᠯᠵᠣ᠂ ᠪᠠᠷᠠᠭᠤᠨ ᠦᠵᠣᠮᠣᠴᠢᠨ  ᠬᠤᠰᠢᠭᠤᠨ ᠤ ᠰᠢᠨ᠎ᠡ ᠨᠢᠬᠡᠨ ᠲᠡᠣᠬᠡᠨ ᠵᠣᠭᠰᠣᠴᠠ ᠶᠢ ᠪᠡᠶᠡᠯᠡᠬᠦᠯᠵᠡᠢ᠃ ᠦᠩᠬᠡᠷᠡᠭᠰᠡᠨ ︽ᠠᠷᠪᠠᠨ ᠬᠤᠶᠠᠳᠣᠭᠠᠷ ᠲᠠᠪᠣᠨ ᠵᠢᠯ︾᠎ ᠤᠨ ᠬᠤᠭᠤᠴᠠᠭᠠᠨ ᠤ ᠬᠦᠭᠵᠢᠯᠳᠠ ᠶᠢ ᠪᠠᠷᠠᠭᠠᠯᠠᠬᠤ ᠳᠤ᠄ ᠲᠣᠰ ᠲᠠᠪᠣᠨ ᠵᠢᠯ ᠤᠨ ᠲᠣᠷᠰᠢ ᠮᠠᠨ ᠤ ᠬᠤᠰᠢᠭᠤ ᠨᠢ ᠠᠵᠣ ᠠᠬᠤᠢ ᠶᠢᠨ ᠪᠠᠶᠢᠭᠤᠯᠣᠯᠳᠠ᠂ ᠣᠯᠣᠰ ᠲᠦᠷᠦ ᠶᠢᠨ ᠪᠠᠶᠢᠭᠤᠯᠣᠯᠳᠠ᠂ ᠰᠣᠶᠣᠯ ᠤᠨ ᠪᠠᠶᠢᠭᠤᠯᠣᠯᠳᠠ᠂ ᠨᠡᠶᠢᠬᠡᠮ ᠤᠨ ᠪᠠᠶᠢᠭᠤᠯᠣᠯᠳᠠ ᠪᠠ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠣᠭᠰᠠᠨ ᠲᠠᠪᠣᠨ ᠵᠢᠯ ᠪᠣᠯᠣᠨ᠎ᠠ᠃ ᠮᠦᠨᠴᠣ ᠬᠦᠭᠵᠢᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠣᠨ᠂ ᠬᠦᠭᠵᠢᠯᠳᠠ ᠶᠢᠨ ᠰᠠᠭᠤᠷᠢ ᠪᠠᠨ ᠪᠠᠬᠢᠵᠢᠬᠦᠯᠵᠣ᠂ ᠦᠷᠬᠦᠯᠵᠢᠯᠡᠨ ᠪᠦᠬᠦ ᠲᠠᠯ᠎ᠠ ᠪᠠᠷ ᠵᠣᠬᠢᠴᠠᠩᠭᠤᠢ ᠬᠦᠭᠵᠢᠬᠦ ᠶᠢ ᠪᠠᠳᠣᠯᠠᠭᠰᠠ ᠲᠠᠪᠣᠨ ᠵᠢᠯ ᠪᠣᠯᠣᠨ᠎ᠠ᠃ ᠮᠦᠨᠴᠣ ᠦᠬᠡᠷᠡᠴᠢᠯᠡᠯᠳᠠ ᠶᠢ ᠬᠦᠨᠵᠡᠬᠡᠶᠢᠷᠡᠬᠦᠯᠵᠣ᠂ ᠬᠤᠳᠠ ᠬᠦᠳᠡᠭᠡ ᠶᠢᠨ ᠪᠠᠶᠢᠳᠠᠯ ᠮᠡᠳᠡᠭᠳᠡᠮ᠎ᠡ ᠬᠤᠪᠢᠷᠠᠵᠣ᠂ ᠣᠯᠠᠨ ᠲᠦᠮᠡᠨ ᠳᠤ ᠦᠷᠬᠦᠯᠵᠢᠯᠡᠨ ᠠᠰᠢᠭ ᠬᠦᠷᠳᠡᠬᠡᠭᠰᠡᠨ ᠲᠠᠪᠣᠨ ᠵᠢᠯ ᠪᠣᠯᠣᠨ᠎ᠠ᠃ ︽ᠠᠷᠪᠠᠨ ᠬᠤᠶᠠᠳᠣᠭᠠᠷ ᠲᠠᠪᠣᠨ ᠵᠢᠯ ᠤᠨ ᠲᠦᠯᠦᠪᠵᠢᠬᠦᠯᠬᠡ︾᠎ ᠶᠢᠨ ᠬᠤᠭᠤᠴᠠᠭᠠᠨ ᠳᠠᠬᠢ ᠠᠵᠢᠯ ᠎ ᠢᠶᠠᠨ ᠳ᠋ᠦᠩᠨᠡᠪᠡᠯ᠂ ᠪᠢᠳᠠ ᠠᠯᠢ ᠣᠯᠠᠨ ᠡᠷᠬᠢᠮ ᠨᠠᠨᠳᠢᠨ ᠠᠷᠭ᠎ᠠ ᠲᠣᠷᠰᠢᠯᠭ᠎ᠠ ᠶᠢ ᠬᠤᠷᠠᠮᠳᠣᠭᠤᠯᠵᠠᠢ᠃ ᠡᠬᠦᠨ ᠳᠤ ᠬᠠᠮᠤᠭ ᠨᠠᠨᠳᠢᠨ ᠵᠦᠢᠯ ᠬᠡᠪᠡᠯ᠄ ᠦᠵᠡᠯ ᠰᠠᠨᠠᠭ᠎ᠠ᠂ ᠣᠯᠣᠰ ᠲᠦᠷᠦ᠂ ᠦᠢᠯᠡ ᠠᠵᠢᠯᠯᠠᠭ᠎ᠠ ᠲᠡᠭᠡᠷ᠎ᠡ ᠪᠠᠨ ᠴᠠᠭ ᠢᠮᠠᠭᠳᠠ ᠨᠠᠮ ᠤᠨ ᠲᠦᠪ ᠬᠤᠷᠢᠶ᠎ᠠ ᠲᠠᠢ ᠳᠡᠬᠡᠳᠤ ᠬᠡᠮᠵᠢᠶ᠎ᠡ ᠪᠠᠷ ᠢᠵᠢᠯ ᠪᠠᠶᠢᠵᠣ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠳᠤ ᠲᠦᠰᠢᠭᠯᠡᠨ᠂ ᠰᠠᠬᠢᠨ ᠪᠠᠷᠠᠭᠠᠯᠠᠵᠣ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠣ ᠬᠠᠮᠳᠣᠪᠡᠷ ᠴᠢᠷᠮᠠᠶᠢᠵᠦ᠂ ᠲᠦᠪ ᠬᠤᠷᠢᠶ᠎ᠠ᠂ ᠦᠪᠡᠷᠳᠡᠬᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ ᠶᠢᠨ ᠵᠦᠪ ᠣᠨᠣᠪᠴᠢᠳᠠᠢ ᠰᠢᠢᠳᠪᠦᠷᠢᠳᠣ ᠪᠣᠳᠣᠯᠭ᠎ᠠ ᠶᠢ ᠲᠦᠪ ᠴᠢᠩᠭ᠎ᠠ ᠨᠠᠶᠢᠳᠠᠪᠦᠷᠢᠵᠢᠭᠤᠯᠣᠨ᠂ ᠦᠰᠦᠯᠳᠠ ᠶᠢ ᠲᠣᠭᠳᠠᠪᠦᠷᠢᠵᠢᠭᠤᠯᠵᠤ᠂ ᠪᠦᠳᠣᠴᠡ ᠶᠢ ᠳᠤᠬᠢᠷᠠᠭᠤᠯᠤᠨ᠂ ᠦᠬᠡᠷᠡᠴᠢᠯᠡᠯᠳᠠ ᠶᠢ ᠬᠦᠨᠵᠡᠬᠡᠶᠢᠷᠡᠬᠦᠯᠵᠣ᠂ ᠠᠷᠠᠳ ᠤᠨ ᠠᠮᠢᠳᠣᠷᠠᠯ ᠢ ᠰᠠᠶᠢᠵᠢᠷᠠᠭᠤᠯᠣᠨ᠂ ᠲᠦᠭᠰᠢᠬᠦᠷᠢ ᠶᠢ ᠠᠷᠭᠠᠴᠠᠭᠠᠬᠤ᠂ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠶᠢ ᠪᠠᠷᠢᠮᠳᠠᠯᠠᠵᠣ᠂ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠦᠷᠬᠦᠯᠵᠢᠯᠡᠨ ᠬᠦᠭᠵᠢᠬᠦ ᠶᠢ ᠪᠡᠶᠡᠯᠡᠬᠦᠯᠵᠣ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠤ ᠲᠣᠭᠳᠠᠭᠤᠨ ᠢᠶᠠᠷ ᠬᠦᠭᠵᠢᠬᠦ᠂ ᠵᠣᠬᠢᠴᠠᠩᠭᠤᠢ ᠬᠦᠭᠵᠢᠬᠦ ᠢᠳᠡᠬᠡᠯ ᠵᠣᠷᠢᠭ ᠢ ᠣᠯᠠᠮ ᠨᠢᠬᠡ ᠠᠯᠬᠤᠮ ᠬᠦᠪᠴᠢᠯᠡᠨ᠂ ᠡᠯ᠎ᠡ ᠱᠠᠳᠣᠨ ᠤ ᠨᠠᠮ ᠤᠨ ᠬᠡᠰᠢᠬᠦᠨ ᠺᠠᠳ᠋ᠷ ᠤᠨ ᠬᠦᠴᠢᠷᠳᠡᠯ ᠠᠴᠠ ᠴᠤᠴᠢᠬᠤ ᠦᠬᠡᠢ᠂ ᠰᠢᠷᠭᠠᠭᠤ ᠴᠢᠷᠮᠠᠶᠢᠨ ᠳᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠠᠴᠠ ᠪᠤᠯᠤᠭᠰᠠᠨ ᠶᠤᠮ᠃ ᠡᠨᠡ ᠪᠣᠯ ᠪᠢᠳᠠᠨ ᠤ ︽ᠠᠷᠪᠠᠨ ᠬᠤᠶᠠᠳᠣᠭᠠᠷ ᠲᠠᠪᠣᠨ ᠵᠢᠯ  ︾᠎ ᠤᠨ ᠬᠤᠭᠤᠴᠠᠭᠠᠨ ᠳᠠᠬᠢ ᠰᠢᠨ᠎ᠡ ᠶᠢ ᠡᠬᠦᠳᠴᠣ ᠬᠦᠭᠵᠢᠯᠳᠠ ᠶᠢ ᠠᠬᠢᠭᠤᠯᠣᠭᠰᠠᠨ ᠦᠨᠳᠦᠰᠦᠨ ᠪᠠᠳᠣᠯᠠᠭ᠎ᠠ ᠪᠣᠯᠣᠨ᠎ᠠ᠃ ᠪᠢᠳᠠ ᠡᠳᠡᠬᠡᠷ ᠠᠮᠵᠢᠯᠳᠠ ᠪᠦᠳᠦᠬᠡᠯ ᠢᠶᠠᠨ ᠣᠯᠠᠮ ᠨᠠᠨᠳᠢᠩᠨᠠᠬᠤ ᠶᠢᠨ ᠬᠠᠮᠳᠣ ᠰᠢᠨ᠎ᠡ ᠨᠢᠬᠡᠨ ᠲᠡᠣᠬᠡᠨ ᠵᠣᠭᠰᠣᠴᠠ ᠠᠴᠠ ᠪᠦᠬᠦ ᠬᠤᠰᠢᠭᠤᠨ ᠤ ᠦᠬᠡᠷᠡᠴᠢᠯᠡᠯᠳᠠ ᠬᠢᠵᠣ ᠴᠢᠯᠦᠬᠡᠳᠠᠢ ᠶᠠᠪᠣᠯᠴᠠᠬᠤ ᠪᠠ ᠣᠳᠣᠬᠢᠴᠢᠯᠠᠯᠳᠠ ᠶᠢ ᠪᠡᠶᠡᠯᠡᠬᠦᠯᠬᠦ ᠪᠠᠷ ᠲᠠᠰᠣᠷᠠᠯᠳᠠ ᠦᠬᠡᠢ ᠴᠢᠷᠮᠠᠶᠢᠨ᠎ᠠ᠃     ᠲᠦᠯᠦᠬᠡᠯᠡᠭᠴᠢᠳ ᠡ᠂ ︽ᠠᠷᠪᠠᠨ ᠬᠤᠶᠠᠳᠣᠭᠠᠷ ᠲᠠᠪᠣᠨ ᠵᠢᠯ︾᠎ ᠤᠨ ᠬᠤᠭᠤᠴᠠᠭᠠᠨ ᠳᠤ ᠣᠯᠣᠭᠰᠠᠨ ᠠᠮᠵᠢᠯᠳᠠ ᠪᠦᠳᠣᠬᠡᠯ ᠬᠢᠯᠪᠠᠷ ᠪᠣᠰᠣ᠃ ᠡᠳᠡᠭᠡᠷ ᠪᠦᠳᠦᠮᠵᠢ ᠤᠳ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠰᠢᠨᠵᠢᠯᠡᠬᠦ ᠣᠬᠠᠭᠠᠨᠴᠢ ᠰᠢᠢᠳᠪᠦᠷᠢᠳᠣ ᠪᠣᠳᠣᠯᠭ᠎ᠠ ᠪᠠ ᠵᠦᠪ ᠣᠨᠣᠪᠴᠢᠳᠠᠢ ᠣᠳᠣᠷᠢᠳᠣᠯᠭ᠎ᠠ ᠶᠢᠨ ᠦᠷ᠎ᠡ ᠳ᠋ᠦᠩ ᠶᠤᠮ᠃ ᠮᠦᠨᠴᠣ  ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠳᠦᠮᠡᠨ ᠨᠢᠭᠳᠠᠷᠠᠨ ᠪᠦᠯᠬᠦᠮᠳᠡᠵᠦ᠂ ᠡᠬᠦᠳᠦᠯᠳᠡ ᠲᠠᠢ ᠪᠠᠷ ᠤᠷᠤᠭᠰᠢᠯᠠᠭᠰᠠᠨ ᠤ ᠦᠷ᠎ᠡ ᠳ᠋ᠦᠩ ᠶᠣᠮ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠣ᠂ ᠠᠵᠢᠯ ᠤᠨ ᠹᠷᠤᠨᠲ ᠳᠡᠬᠡᠷ᠎ᠡ ᠪᠠᠨ ᠭᠠᠪᠰᠢᠭᠠᠶᠢᠯᠠᠨ ᠠᠵᠢᠯᠯᠠᠵᠦ ᠪᠠᠶᠢᠭ᠎ᠠ ᠪᠦᠬᠦ ᠬᠤᠰᠢᠭᠤᠨ ᠤ ᠡᠯ᠎ᠡ ᠦᠨᠳᠦᠰᠦᠳᠠᠨ ᠤ ᠺᠠᠳ᠋ᠷ ᠤᠯᠠᠨ ᠲᠦᠮᠡᠨ ᠪᠤᠯᠤᠨ ᠪᠠᠷᠠᠭᠤᠨ ᠦᠵᠦᠮᠦᠴᠢᠨ ᠬᠤᠰᠢᠭᠤᠨ ᠤ  ᠦᠬᠡᠷᠡᠴᠢᠯᠡᠯᠳᠠ ᠬᠦᠭᠵᠢᠯᠳᠠ ᠪᠠ ᠣᠳᠣᠬᠢᠴᠢᠯᠠᠭᠰᠠᠨ ᠪᠦᠳᠣᠬᠡᠨ ᠪᠠᠶᠢᠭᠤᠯᠣᠯᠳᠠ ᠳᠤ ᠦᠪᠡᠷ ᠤᠨ ᠬᠤᠪᠢ ᠨᠡᠮᠡᠷᠢ ᠪᠠᠨ ᠬᠠᠷᠠᠮ ᠦᠬᠡᠢ ᠵᠤᠷᠢᠭᠤᠯᠤᠭᠰᠠᠨ ᠪᠦᠬᠦ ᠨᠦᠬᠦᠳ ᠪᠠ ᠬᠦᠭᠵᠢᠯᠳᠡ ᠴᠡᠴᠡᠭᠯᠡᠯᠳᠡ ᠎ ᠶᠢ ᠠᠩᠬᠠᠷᠤᠨ ᠬᠠᠯᠠᠮᠵᠢᠯᠠᠬᠰᠠᠭᠠᠷ ᠢᠷᠡᠭᠰᠡᠨ ᠪᠦᠬᠦ ᠨᠠᠶᠢᠵᠠ ᠨᠠᠷ ᠲᠠᠭᠠᠨ ᠴᠢᠩ ᠰᠡᠳᠬᠢᠯ ᠤᠨ ᠳᠠᠯᠠᠷᠬᠠᠯ ᠪᠤᠯᠤᠨ ᠡᠷᠬᠢᠮ ᠳᠡᠬᠡᠳᠦ ᠬᠦᠨᠳᠦᠳᠬᠡᠯ ᠢᠶᠠᠨ ᠳᠡᠪᠰᠢᠬᠦᠯᠵᠦ ᠪᠠᠶᠢᠨ᠎ᠠ  ︕     ᠪᠢᠳᠠ ᠠᠵᠢᠯ ᠤᠨ ᠠᠮᠵᠢᠯᠳᠠ ᠪᠠᠨ ᠳ᠋ᠦᠩᠨᠡᠬᠦ ᠶᠢᠨ ᠬᠠᠮᠳᠣ ᠢᠷᠡᠬᠡᠳᠣᠢ ᠳᠤ ᠣᠴᠠᠷᠠᠵᠣ ᠮᠡᠳᠡᠬᠦ ᠬᠦᠴᠢᠷ ᠪᠡᠷᠬᠡᠰᠢᠶᠡᠯ ᠢ ᠪᠠᠰᠠ ᠰᠡᠷᠭᠡᠭ ᠢᠶᠠᠷ ᠣᠯᠵᠣ ᠬᠠᠷᠠᠬᠤ ᠬᠡᠷᠡᠭᠳᠠᠢ᠃ ᠬᠤᠷᠸ᠎ᠠ ᠠᠵᠤ ᠠᠬᠤᠢ ᠶᠢᠨ ᠪᠠᠭᠤᠷᠠᠬᠤ ᠳᠠᠷᠤᠯᠳᠠ ᠎ ᠠᠴᠠ ᠪᠤᠯᠵᠦ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠠ ᠶᠢᠨ ᠢᠷᠡᠬᠡᠳᠦᠢ ᠳᠤ ᠲᠣᠯᠭᠠᠷᠠᠵᠣ ᠮᠡᠳᠡᠬᠦ ᠦᠷᠢᠰᠦᠯᠳᠤᠬᠡᠨ ᠲᠦᠰᠦᠬᠡᠯᠡᠭᠰᠡᠨ ᠠᠴᠠ ᠬᠤᠯᠠ ᠬᠦᠨᠳᠤ ᠪᠠᠶᠢᠨ᠎ᠠ᠃ ᠪᠦᠬᠦ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠠ ᠳᠤᠮᠳᠠ ᠪᠠᠭ᠎ᠠ ᠪᠤᠰᠤ ᠬᠦᠴᠢᠷᠳᠡᠯ ᠪᠠ ᠲᠦᠪᠡᠭ ᠪᠣᠳᠣᠯᠢᠶᠠᠨᠳᠠᠢ ᠠᠰᠠᠭᠤᠳᠠᠯ ᠣᠷᠣᠰᠢᠭᠰᠠᠭᠠᠷ ᠪᠠᠶᠢᠨ᠎ᠠ᠄ ᠶᠡᠷᠦᠩᠬᠡᠶᠢᠯᠡᠭᠰᠡᠨ ᠠᠵᠣ ᠠᠬᠤᠢ ᠶᠢᠨ ᠪᠣᠳᠠᠳᠣ ᠬᠦᠴᠦᠨ ᠬᠦᠷᠦᠯᠴᠡᠬᠦ ᠦᠬᠡᠢ᠂ ᠬᠤᠳᠠ ᠬᠦᠳᠡᠭᠡ᠂ ᠠᠵᠣ ᠠᠬᠤᠢ ᠨᠡᠶᠢᠬᠡᠮ ᠤᠨ ᠬᠦᠭᠵᠢᠯᠳᠠ ᠵᠣᠬᠢᠴᠠᠩᠭᠤᠢ ᠪᠣᠰᠣ᠂ ᠰᠠᠭᠤᠷᠢ ᠲᠦᠬᠦᠬᠡᠷᠣᠮᠵᠢ ᠪᠠ ᠦᠨᠳᠦᠰᠦᠨ ᠣᠯᠠᠨ ᠨᠡᠶᠢᠳᠠ ᠶᠢᠨ ᠦᠢᠯᠡᠴᠢᠯᠡᠭᠡ ᠬᠤᠴᠣᠷᠣᠩᠭᠤᠢ᠂ ᠬᠤᠳᠠ ᠬᠦᠳᠡᠬᠡᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠲᠦᠪᠰᠢᠨ ᠲᠣᠣᠷ᠎ᠠ ᠪᠠᠶᠢᠭᠰᠠᠭᠠᠷ︔ ᠡᠬᠢ ᠪᠠᠶᠠᠯᠢᠭ ᠤᠨ ᠪᠣᠰᠣ ᠠᠵᠣ ᠦᠢᠯᠡᠰ᠂ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠦᠷᠨᠢᠨ ᠬᠦᠭᠵᠢᠭᠰᠡᠨ ᠠᠵᠣ ᠦᠢᠯᠡᠰ ᠪᠠ ᠣᠳᠣ ᠦᠶ᠎ᠠ ᠶᠢᠨ ᠦᠢᠯᠡᠴᠢᠯᠡᠬᠡᠨ ᠎ ᠤ ᠦᠢᠯᠡᠰ ᠤᠨ ᠬᠦᠭᠵᠢᠯᠳᠠ ᠲᠣᠳᠠᠮᠠᠭ︔ ᠠᠮᠢ ᠠᠬᠤᠢ ᠣᠷᠴᠢᠨ ᠲᠣᠭᠤᠷᠢᠨ ᠬᠠᠷᠢᠴᠠᠩᠭᠤᠢ ᠪᠠᠷ ᠬᠡᠪᠡᠷᠡᠭ ᠣᠴᠢᠷ ᠎ ᠠᠴᠠ ︽ᠣᠷᠣᠭᠰᠢᠯᠠᠬᠤ ᠠᠴᠠ ᠪᠢᠰᠢ ᠣᠬᠤᠷᠢᠵᠣ ᠪᠣᠯᠬᠤ ᠦᠬᠡᠢ︾ ᠲᠡᠣᠬᠡᠨ ᠵᠠᠩᠬᠢᠯᠠᠭ᠎ᠠ ᠶᠢᠨ ᠴᠠᠭ ᠲᠤ ᠣᠷᠣᠭᠰᠠᠨ ᠪᠠᠶᠢᠨ᠎ᠠ︔ ᠠᠵᠣ ᠠᠬᠤᠢ ᠶᠢᠨ ᠡᠷᠬᠢᠯᠳᠠ ᠶᠢᠨ ᠲᠣᠮᠳᠠ ᠣᠯᠠᠨ ᠲᠦᠭᠰᠢᠬᠦᠷᠢ ᠨᠢᠭᠤᠭᠳᠠᠵᠣ᠂ ᠨᠢᠬᠡ ᠪᠦᠯᠦᠭ ᠠᠵᠣ ᠠᠬᠤᠶᠢᠯᠠᠯ ᠡᠵᠡᠩᠨᠡᠯᠳᠠ ᠬᠢᠬᠦ ᠳᠤ ᠬᠦᠴᠢᠷᠳᠡᠵᠣ ᠪᠠᠶᠢᠨ᠎ᠠ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠬᠠᠷᠢᠴᠠᠩᠭᠤᠢ ᠪᠠᠷ ᠲᠣᠪᠣᠶᠢᠮ᠎ᠠ ᠪᠠᠶᠢᠵᠣ᠂ ᠵᠠᠰᠠᠭ ᠤᠨ ᠣᠷᠳᠣᠨ ᠤ ᠴᠢᠨᠠᠷᠳᠠᠢ ᠦᠷᠢ ᠦᠭᠴᠡᠭᠡ ᠠᠷᠪᠢᠨ ᠪᠠᠶᠢᠨ᠎ᠠ︔ ᠬᠠᠣᠯᠢ ᠪᠠᠷ ᠵᠠᠰᠠᠬᠤ᠂ ᠰᠢᠨ᠎ᠡ ᠶᠢ ᠡᠬᠦᠳᠬᠦ᠂ ᠠᠷᠢᠭᠤᠨ ᠴᠢᠭᠡᠴᠢ ᠪᠠ ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠦᠳᠣᠬᠡᠨ ᠪᠠᠶᠢᠭᠤᠯᠬᠤ ᠳᠤ ᠡᠯ᠎ᠡ ᠲᠠᠯ᠎ᠠ ᠶᠢᠨ ᠠᠵᠢᠯ ᠢᠶᠠᠨ ᠣᠯᠠᠮ ᠨᠢᠬᠡ ᠠᠯᠬᠤᠮ ᠴᠢᠩᠭᠠᠳᠬᠠᠵᠣ᠂ ᠠᠵᠣ ᠠᠬᠤᠢ ᠶᠢ ᠵᠣᠬᠢᠴᠠᠭᠤᠯᠬᠤ᠂ ᠣᠯᠠᠨ ᠨᠡᠶᠢᠳᠠ ᠶᠢᠨ ᠦᠢᠯᠡᠴᠢᠯᠡᠭᠡ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠲᠠᠯ᠎ᠠ ᠳᠠᠬᠢ ᠠᠷᠭ᠎ᠠ ᠠᠪᠴᠢᠯ ᠢᠶᠠᠨ ᠰᠢᠨᠡᠳᠬᠡᠵᠣ᠂ ᠣᠯᠠᠮ ᠨᠢᠬᠡ ᠠᠯᠬᠤᠮ ᠲᠡᠬᠦᠯᠳᠡᠷᠵᠢᠬᠦᠯᠬᠦ ᠴᠢᠬᠤᠯᠠᠳᠠᠢ ᠪᠠᠶᠢᠨ᠎ᠠ᠃ ᠪᠢᠳᠠ ᠡᠷᠬᠡᠪᠰᠢ ᠲᠡᠭᠡᠳᠣ ᠬᠡᠮᠵᠢᠶ᠎ᠡ ᠪᠠᠷ ᠬᠦᠨᠳᠦᠳᠬᠡᠨ ᠦᠵᠡᠵᠣ᠂ ᠬᠦᠴᠢᠷ ᠲᠦᠪᠡᠭ ᠲᠠᠢ ᠠᠰᠠᠭᠤᠳᠠᠯ ᠢᠶᠠᠨ ᠬᠦᠨᠵᠡᠬᠡᠢ ᠰᠡᠳᠬᠢᠨ᠂ ᠪᠦᠳᠣᠮᠵᠢᠳᠠᠢ ᠠᠵᠢᠯᠯᠠᠨ ᠴᠣᠴᠠᠰᠢ ᠦᠬᠡᠢ ᠴᠢᠷᠮᠠᠶᠢᠵᠣ ᠪᠠᠶᠢᠭᠠᠳ ᠡᠳᠡᠭᠡᠷ ᠠᠰᠠᠭᠤᠳᠠᠯ ᠢᠶᠠᠨ ᠰᠢᠢᠳᠪᠦᠷᠢᠯᠡᠬᠦ ᠬᠡᠷᠡᠭᠳᠠᠢ ᠪᠠᠶᠢᠨ᠎ᠠ᠃ ᠣᠨᠴᠠᠭᠠᠶᠢᠯᠠᠨ ᠡᠨᠡ ᠬᠤᠶᠠᠷ ᠵᠢᠯ ᠪᠣᠯ ᠮᠠᠨ ᠤ ᠬᠤᠰᠢᠭᠤ ᠨᠢ ᠬᠦᠴᠢᠷ ᠪᠠᠷᠬᠡᠰᠢᠶᠠᠯ ᠢ ᠢᠯᠡᠨ ᠲᠠᠪᠠᠭ᠋ᠣ ᠵᠠᠩᠬᠢᠯᠠᠭ᠎ᠠ ᠶᠢᠨ ᠬᠤᠭᠤᠴᠠᠭ᠎ᠠ ᠪᠣᠯᠣᠨ᠎ᠠ᠃ ᠡᠶᠢᠮᠣ ᠠᠴᠠ ᠡᠷᠬᠡᠪᠰᠢ ᠠᠵᠢᠯ ᠤᠨ ᠪᠣᠳᠠᠳᠠᠢ ᠦᠷ᠎ᠠ ᠪᠦᠳᠣᠮᠵᠢ ᠶᠢ ᠴᠢᠬᠤᠯᠠᠴᠢᠯᠠᠨ᠂ ᠲᠠᠪᠠᠭᠤᠯᠢᠭ ᠎ ᠢᠶᠠᠨ ᠪᠠᠳᠠᠷᠠᠭᠤᠯᠣᠨ ᠲᠣᠳᠠᠭᠤ ᠪᠠᠨ ᠨᠦᠬᠦᠪᠦᠷᠢᠯᠡᠵᠣ᠂ ᠴᠢᠷᠮᠠᠶᠢᠨ ᠠᠵᠢᠯᠯᠠᠨ᠂ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠠ ᠶᠢ ᠲᠣᠭᠳᠠᠭᠤᠨ ᠢᠶᠠᠷ ᠠᠬᠢᠭᠤᠯᠣᠨ᠎ᠠ᠃     ᠬᠤᠶᠠᠷ᠂ 2016 ᠤᠨ ᠤ  ᠭᠤᠤᠯᠳᠠᠯᠭ᠎ᠠ ᠲᠠᠢ ᠠᠵᠢᠯ     2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠬᠡ ᠶᠢ ᠬᠡᠷᠡᠭᠵᠢᠬᠦᠯᠬᠦ ᠡᠬᠢᠯᠡᠯᠳᠡ ᠶᠢᠨ ᠵᠢᠯ ᠮᠦᠨᠴᠦ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ  ᠵᠢᠯ ᠮᠦᠷᠳᠡᠬᠡᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯ ᠢ ᠰᠠᠶᠢᠳᠤᠷ ᠬᠢᠬᠦ ᠵᠠᠩᠬᠢᠯᠠᠭ᠎ᠠ ᠶᠢᠨ ᠵᠢᠯ ᠪᠤᠯᠬᠤᠷ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠤᠭᠳᠠᠯ ᠎ ᠲᠠᠢ ᠶᠤᠮ᠃ ᠪᠢᠳᠡ ᠡᠷᠬᠡᠪᠰᠢ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠢ ᠵᠦᠪ ᠤᠨᠤᠪᠴᠢᠳᠠᠢ ᠡᠵᠡᠮᠳᠡᠬᠦ᠂ ᠢᠳᠡᠪᠬᠢᠳᠠᠢ ᠤᠳᠤᠷᠢᠳᠤᠨ ᠵᠢᠯᠤᠭᠤᠳᠬᠤ ᠪᠡ ᠲᠡᠬᠦᠨ ᠳᠤ ᠰᠠᠨᠠᠭᠠᠴᠢᠯᠠᠭ᠎ᠠ ᠠᠴᠠ ᠪᠠᠨ ᠵᠤᠬᠢᠴᠠᠬᠤ ᠶᠢ ᠪᠡᠶᠡᠯᠡᠬᠦᠯᠵᠦ᠂ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯ ᠤᠨ ᠬᠤᠭᠤᠴᠠᠭᠠᠨ ᠤ ᠲᠤᠳᠤᠭᠠᠳᠤ ᠠᠭᠤᠯᠬᠤᠨ ᠤ ᠬᠤᠪᠢᠷᠠᠯᠳᠠ ᠶᠢ ᠬᠦᠨᠵᠡᠬᠡᠢ ᠲᠠᠨᠢᠵᠤ᠂ ︽ᠠᠷᠪᠠ ᠶᠢ ᠨᠡᠩ ᠴᠢᠬᠤᠯᠠᠴᠢᠯᠠᠬᠤ︾ ᠱᠠᠭᠠᠷᠳᠠᠯᠭ᠎ᠠ ᠶᠤᠰᠤᠭᠠᠷ᠂ ᠠᠶᠤᠯ ᠲᠦᠭᠰᠢᠬᠦᠷᠢ ᠶᠢᠨ ᠦᠷᠢᠰᠦᠯᠳᠦᠬᠡᠨ ᠢ ᠪᠦᠳᠦᠮᠵᠢᠳᠠᠢ ᠠᠷᠭᠠᠴᠠᠭᠠᠵᠤ᠂ ᠵᠤᠷᠢᠭ ᠢᠶᠠᠨ ᠬᠦᠪᠴᠢᠯᠡᠨ ᠰᠠᠶᠢᠳᠤᠷ ᠠᠵᠢᠯᠯᠠᠨ᠂ ᠡᠳᠡᠬᠡᠷ ᠬᠠᠷᠠᠯᠳᠠ ᠡᠬᠦᠷᠬᠡ ᠶᠢ ᠪᠡᠶᠡᠯᠡᠬᠦᠯᠬᠦ ᠶᠢ ᠪᠠᠳᠤᠯᠠᠬᠤ ᠬᠡᠷᠡᠭᠳᠠᠢ᠃ ᠶᠡᠷᠤᠩᠬᠡᠢ ᠳᠤᠨᠢ ᠵᠠᠳᠠᠯᠪᠠᠯ᠂ ᠪᠢᠳᠡᠨ ᠳᠤ ᠦᠷᠢᠰᠦᠯᠳᠦᠬᠡᠨ ᠪᠠ ᠠᠵᠠ ᠲᠤᠬᠢᠶᠠᠯ ᠵᠡᠷᠬᠡᠪᠡᠷ ᠲᠤᠯᠭᠠᠷᠠᠵᠤ ᠪᠠᠶᠢᠬᠤ ᠪᠤᠯᠪᠠᠴᠤ ᠠᠵᠠ ᠲᠤᠬᠢᠶᠠᠯ ᠨᠢ ᠦᠷᠢᠰᠦᠯᠳᠦᠬᠡᠨ ᠠᠴᠠ ᠪᠠᠨ ᠢᠯᠡᠬᠦᠦ ᠪᠠᠶᠢᠨ᠎ᠠ᠃ ᠮᠠᠨ ᠤ ᠬᠤᠰᠢᠭᠤ ᠨᠢ ᠭᠠᠵᠠᠷ ᠨᠤᠳᠤᠭ ᠠᠭᠤᠳᠠᠮ᠂ ᠤᠷᠤᠨ ᠪᠠᠶᠢᠷᠢ ᠶᠢᠨ ᠳᠠᠪᠠᠭᠤᠯᠢᠭ ᠢᠶᠠᠷ ᠳᠤᠪᠤᠶᠢᠮ᠎ᠠ᠂ ᠠᠭᠤᠷᠬᠠᠢ ᠶᠢᠨ ᠡᠬᠢ ᠰᠣᠷᠪᠣᠯᠵᠢ ᠪᠠᠷ ᠡᠯᠪᠡᠭ ᠪᠠᠶᠠᠯᠢᠭ᠂ ᠦᠪ ᠰᠤᠶᠤᠯ ᠢᠶᠠᠷ ᠥᠨᠢᠷ ᠦᠳᠬᠡᠨ᠂ ᠦᠨᠳᠦᠰᠦᠳᠡᠨ ᠤ ᠵᠠᠩ ᠳᠠᠳᠬᠠᠯ ᠢᠶᠠᠷ ᠦᠪᠡᠷᠮᠢᠴᠡ ᠪᠤᠯᠬᠤᠷ ᠮᠠᠰᠢ ᠤᠯᠠᠨ ᠲᠠᠯ᠎ᠠ ᠶᠢᠨ ᠬᠠᠷᠢᠴᠠᠩᠭᠤᠢ ᠲᠠᠪᠠᠭᠤᠯᠢᠭ ᠢ ᠪᠦᠷᠢᠯᠳᠦᠬᠦᠯᠦᠭᠰᠡᠨ ᠪᠠᠶᠢᠳᠠᠭ᠃ ᠤᠶᠢᠷ᠎ᠠ ᠶᠢᠨ ᠬᠡᠳᠦᠨ ᠵᠢᠯ ᠤᠨ ᠠᠵᠤ ᠠᠬᠤᠢ ᠶᠢᠨ ᠬᠦᠭᠵᠢᠯᠳᠡ ᠶᠢ ᠲᠠᠭᠠᠯᠳᠤᠨ᠂ ᠠᠵᠤ ᠦᠢᠯᠡᠰ ᠤᠨ ᠪᠠᠶᠢᠷᠢᠯᠠᠭᠤᠯᠤᠯᠳᠠ ᠨᠡᠩ ᠵᠤᠬᠢᠰᠳᠠᠢ ᠪᠤᠯᠵᠦ᠂ ᠠᠵᠤ ᠠᠬᠤᠶᠢᠯᠠᠯ ᠤᠨ ᠬᠦᠴᠦᠨ ᠳᠠᠰᠤᠷᠠᠯᠳᠠ ᠦᠬᠡᠢ ᠪᠤᠵᠠᠭᠠᠶᠢᠷᠠᠭᠰᠠᠨ ᠨᠢ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠬᠦᠭᠵᠢᠯᠳᠡ ᠳᠤ ᠰᠠᠭᠤᠷᠢ ᠲᠠᠯᠪᠢᠭᠰᠠᠨ ᠪᠠᠶᠢᠨ᠎ᠠ᠃ ᠰᠢᠯᠢ ᠶᠢᠨ ᠭᠤᠤᠯ ᠠᠶᠢᠮᠠᠭ ᠎ ᠠᠴᠠ ᠱᠠᠨᠳᠦ᠋ᠩ ᠮᠤᠵᠢ ᠶᠢᠨ ᠵᠢᠨᠠᠨ ᠬᠦᠷᠬᠦ᠂ ᠰᠢᠯᠢ ᠶᠢᠨ ᠭᠤᠤᠯ ᠠᠶᠢᠮᠠᠭ ᠠᠴᠠ ᠵᠢᠶᠠᠩᠰᠤ ᠮᠤᠵᠢ ᠶᠢᠨ ᠲᠠᠶᠢᠵᠸᠤ ᠬᠦᠷᠬᠦ ᠵᠡᠷᠬᠡ ᠤᠨᠴᠠ ᠦᠨᠳᠦᠷ ᠬᠦᠴᠦᠳᠡᠯᠳᠦ ᠴᠠᠬᠢᠯᠭᠠᠨ ᠲᠠᠮᠵᠢᠭᠤᠯᠬᠤ ᠱᠤᠭᠤᠮ ᠤᠨ ᠪᠦᠳᠦᠬᠡᠨ ᠪᠠᠶᠢᠭᠤᠯᠤᠯᠳᠠ ᠎ ᠶᠢ ᠲᠠᠭᠠᠯᠳᠤᠨ᠂ ᠨᠢᠬᠡ ᠪᠦᠯᠦᠭ ᠴᠠᠬᠢᠯᠭᠠᠨ ᠭᠠᠷᠭᠠᠬᠤ ᠲᠦᠷᠦᠯ ᠵᠦᠢᠯ ᠢ ᠲᠦᠷᠬᠡᠳᠬᠡᠨ ᠠᠬᠢᠭᠤᠯᠵᠤ᠂ ᠬᠦᠭᠵᠢᠯᠳᠡ ᠎ ᠶᠢᠨ ᠲᠠᠯᠳᠠ ᠬᠦᠴᠦᠨ ᠢ ᠬᠤᠷᠠᠮᠳᠤᠭᠤᠯᠬᠤ ᠳᠤ ᠴᠢᠬᠤᠯᠠ ᠳᠦᠯᠬᠢᠴᠡ ᠦᠢᠯᠡᠳᠦᠯ ᠲᠠᠢ ᠮᠦᠷᠳᠡᠬᠡᠨ ᠡᠳᠡᠬᠡᠷ ᠳᠦᠷᠦᠯ ᠵᠦᠢᠯ ᠤᠨ ᠦᠷ᠎ᠡ ᠠᠰᠢᠭ ᠢ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠬᠡ ᠶᠢᠨ ᠰᠡᠬᠦᠯᠴᠢ ᠶᠢᠨ ᠭᠤᠷᠪᠠᠨ ᠵᠢᠯ ᠳᠤ ᠬᠦᠷᠳᠡᠵᠦ᠂ ᠪᠢᠳᠡᠨ ᠤ ᠪᠦᠳᠦᠴᠡ ᠪᠠᠨ ᠲᠤᠬᠢᠷᠠᠭᠤᠯᠵᠤ᠂ ᠲᠤᠳᠠᠭᠳᠠᠯ ᠢᠶᠠᠨ ᠨᠦᠬᠦᠪᠦᠷᠢᠯᠡᠬᠦ ᠳᠤ ᠴᠢᠬᠤᠯᠠ ᠠᠵᠠ ᠵᠠᠪᠰᠢᠶᠠᠨ ᠢ ᠤᠯᠭᠤᠬᠤ ᠪᠤᠯᠤᠨ᠎ᠠ᠃ ᠬᠦᠭᠵᠢᠭᠰᠡᠨ ᠭᠠᠵᠠᠷ ᠤᠷᠤᠨ ᠤ ᠠᠵᠤ ᠦᠢᠯᠡᠰ ᠤᠨ ᠰᠢᠯᠵᠢᠯᠳᠡ ᠶᠢᠨ ᠲᠦᠷᠬᠡᠰᠬᠦ ᠶᠢ ᠲᠠᠭᠠᠯᠳᠤᠨ᠂ ᠦᠢᠯᠡᠳᠪᠦᠷᠢᠯᠡᠬᠦ ᠴᠢᠳᠠᠪᠬᠢ ᠶᠢ ᠲᠤᠬᠢᠷᠠᠭᠤᠯᠤᠨ ᠰᠤᠯᠢᠯᠴᠠᠬᠤ ᠠᠵᠢᠯ ᠢ ᠲᠡᠰ ᠲᠠᠷᠠᠭᠠᠯᠠᠯ ᠲᠠᠢ ᠪᠠᠷ ᠠᠬᠢᠭᠤᠯᠤᠨ᠂ ᠮᠠᠨ ᠤ ᠬᠤᠰᠢᠭᠤ ᠪᠠᠨ ᠤᠯᠠᠨ ᠲᠠᠯ᠎ᠠ ᠳᠤ ᠳᠤᠯᠭᠠᠭᠤᠷᠢᠯᠠᠨ᠂ ᠤᠯᠠᠨ ᠡᠰᠢᠵᠢᠭᠰᠡᠨ ᠬᠦᠭᠵᠢᠯᠳᠡ ᠶᠢᠨ ᠠᠵᠤ ᠠᠬᠤᠢ ᠶᠢᠨ ᠬᠡᠪ ᠵᠠᠭᠪᠤᠷ ᠢ ᠪᠤᠢ ᠪᠤᠯᠭᠠᠬᠤ ᠳᠤ ᠨᠦᠬᠦᠴᠡᠯ ᠪᠦᠷᠢᠯᠳᠦᠬᠦᠯᠵᠠᠢ᠃ ᠪᠢᠳᠡᠨ ᠡᠷᠬᠡᠪᠰᠢ ᠢᠳᠡᠬᠡᠯ ᠵᠤᠷᠢᠭ ᠢᠶᠠᠨ ᠬᠦᠪᠴᠢᠯᠡᠨ᠂ ᠴᠢᠷᠮᠠᠶᠢᠨ ᠠᠵᠢᠯᠯᠠᠵᠦ᠂  ᠳᠤᠭᠳᠠᠭᠤᠨ ᠦᠰᠦᠯᠳᠡ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ᠂  ᠪᠦᠳᠦᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠳᠦᠭᠰᠢᠬᠦᠷᠢ ᠶᠢ ᠠᠷᠭᠠᠴᠠᠭᠠᠬᠤ ᠶᠢ ᠪᠠᠷᠢᠮᠳᠠᠯᠠᠵᠦ᠂ ᠮᠠᠨ ᠤ ᠬᠤᠰᠢᠭᠤᠨ ᠤ ᠦᠢᠯᠡᠳᠪᠤᠷᠢᠯᠡᠯ ᠤᠨ ᠬᠦᠴᠦᠨ ᠤ ᠬᠢᠷᠢ ᠳᠦᠪᠰᠢᠨ ᠢ ᠶᠡᠷᠤᠩᠬᠡᠢ ᠳᠤᠨᠢ ᠰᠠᠶᠢᠵᠢᠷᠠᠭᠤᠯᠤᠨ᠂ ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠳᠦᠯᠦᠪᠵᠢᠬᠦᠯᠬᠡ ᠶᠢᠨ ᠰᠠᠶᠢᠨ ᠡᠬᠢᠯᠡᠯᠳᠡ ᠶᠢ ᠪᠠᠳᠤᠯᠠᠨ᠎ᠠ᠃     ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ ᠪᠦᠬᠦᠳᠡ ᠬᠤᠷᠠᠯ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠤᠯᠤᠨ ᠮᠠᠨ ᠤ ᠤᠷᠤᠨ ᠢᠶᠠᠷ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠲᠦᠪ ᠂ ᠦᠪᠡᠷᠳᠡᠬᠡᠨ ᠵᠠᠰᠠᠬᠤ ᠤᠷᠤᠨ᠂ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠪᠤᠯᠤᠨ ᠬᠤᠰᠢᠭᠤ ᠨᠠᠮ ᠤᠨ ᠬᠤᠷᠢᠶᠠᠨ ᠤ ᠪᠦᠬᠦ ᠬᠡᠰᠢᠬᠦᠳ ᠤᠨ ᠦᠷᠬᠡᠳᠬᠡᠭᠰᠡᠨ ᠬᠤᠷᠠᠯ ᠵᠢᠴᠢ ᠪᠦᠬᠦ ᠬᠤᠰᠢᠭᠤᠨ ᠤ ᠠᠵᠣ ᠠᠬᠤᠢ ᠎ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠢ ᠬᠦᠨᠵᠡᠬᠡᠢ ᠲᠤᠤᠱᠯᠠᠭᠤᠯᠤᠨ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠲᠦᠯᠬᠢᠨ ᠠᠬᠢᠭᠤᠯᠵᠤ᠂ ᠰᠢᠨ᠎ᠡ ᠎ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠡ ᠬᠢᠬᠦ᠂ ᠬᠠᠮᠳᠤᠪᠡᠷ ᠡᠳ᠋ᠯᠡᠬᠦ ᠭᠦᠭᠵᠢᠯᠳᠡ ᠶᠢᠨ ᠤᠶᠢᠯᠠᠭᠠᠭᠳᠠᠬᠤᠨ ᠢ ᠦᠨᠡᠨᠬᠦ ᠲᠤᠤᠱᠯᠠᠭᠤᠯᠤᠨ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠨ᠂ ᠲᠤᠭᠳᠠᠭᠤᠨ ᠢᠶᠠᠷ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ︽ᠭᠤᠷᠪᠠ ᠶᠢ ᠪᠠᠷᠢᠮᠳᠠᠯᠠᠵᠤ᠂ ᠭᠤᠷᠪᠠ ᠶᠢ ᠪᠦᠳᠦᠬᠡᠨ ᠪᠠᠶᠢᠭᠤᠯᠬᠤ︾ ᠠᠵᠢᠯ ᠤᠨ ᠵᠢᠯᠤᠭᠤᠳᠤᠮᠵᠢ ᠶᠢ ᠦᠨᠳᠦᠰᠦᠯᠡᠨ᠂ ᠠᠵᠤ ᠠᠬᠤᠢ ᠶᠢᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠬᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠨᠠᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠷᠸ᠎ᠠ ᠵᠢᠯᠤᠭᠤᠳᠤᠯᠭ᠎ᠠ ᠬᠢᠬᠡᠳ ᠬᠤᠮᠠᠬᠢ ᠬᠠᠮᠢᠶᠠᠷᠤᠯᠳᠠ᠂ ᠡᠬᠢ ᠪᠠᠶᠠᠯᠢᠭ ᠢ ᠨᠡᠬᠡᠬᠡᠨ ᠬᠦᠭᠵᠢᠬᠦᠯᠬᠦ ᠬᠢᠬᠡᠳ ᠤᠷᠴᠢᠨ ᠲᠤᠭᠤᠷᠢᠨ ᠢ ᠬᠠᠮᠠᠭᠠᠯᠠᠬᠤ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠬᠢᠬᠡᠳ ᠦᠷᠢ ᠦᠭᠴᠡᠭᠡ ᠶᠢᠨ ᠲᠦᠭᠰᠢᠬᠦᠷᠢ᠂ ᠬᠦᠭᠵᠢᠯᠳᠡ ᠶᠢ ᠲᠦᠷᠬᠡᠳᠬᠡᠬᠦ ᠬᠢᠬᠡᠳ ᠲᠤᠭᠳᠠᠭᠤᠨ ᠢ ᠬᠠᠮᠠᠭᠠᠯᠠᠬᠤ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠦ᠂ ᠤᠬᠠᠭᠠᠨ ᠴᠢᠳᠠᠯ ᠎ ᠢ ᠨᠢᠭᠳᠠᠷᠠᠭᠤᠯᠤᠨ᠂ ᠬᠦᠴᠢᠷ ᠪᠡᠷᠬᠡ ᠶᠢ ᠢᠯᠠᠨ ᠲᠠᠪᠠᠵᠤ᠂ ᠡᠳ᠋ ᠪᠤᠳᠠᠰ ᠡᠯᠪᠡᠭ ᠪᠠᠶᠠᠯᠢᠭ᠂ ᠤᠶᠤᠨ ᠰᠠᠨᠠᠭ᠎ᠠ ᠴᠢᠬᠡᠴᠢ ᠪᠤᠯᠪᠠᠰᠤᠨ ᠤᠳᠤᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠴᠢᠷᠮᠠᠶᠢᠨ ᠪᠠᠶᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠬᠡ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠤᠬᠢ ᠰᠠᠶᠢᠨ ᠡᠬᠢᠯᠡᠯᠳᠡ ᠶᠢ ᠪᠠᠳᠤᠯᠠᠨ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠳᠠ ᠶᠢ ᠪᠡᠶᠡᠯᠡᠬᠦᠯᠬᠦ ᠎ ᠶᠢᠨ ᠲᠦᠯᠦᠬᠡ ᠴᠦᠬᠦᠷᠡᠯ ᠦᠬᠡᠢ ᠴᠢᠷᠮᠠᠶᠢᠨ ᠲᠡᠮᠡᠴᠡᠬᠦ ᠬᠡᠷᠡᠭᠳᠠᠢ᠃     ᠡᠨᠡᠬᠦ ᠱᠠᠭᠠᠷᠳᠠᠯᠭ᠎ᠠ ᠶᠤᠰᠤᠭᠠᠷ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠬᠡ ᠶᠢᠨ ᠡᠮᠦᠨ᠎ᠡ ᠬᠤᠶᠠᠷ ᠵᠢᠯ ᠨᠢ ᠮᠠᠨ ᠤ ᠬᠤᠰᠢᠭᠤᠨ ᠤ ᠭᠤᠤᠯᠳᠠᠯᠭᠠᠳᠤ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠤᠷᠬᠢᠯ ᠤᠨ ᠬᠤᠭᠤᠴᠠᠭ᠎ᠠ ᠪᠤᠯᠬᠤ ᠪᠤᠳᠠᠳᠤ ᠪᠠᠶᠢᠳᠠᠯ ᠢ ᠪᠤᠳᠤᠯᠬᠢᠯᠠᠵᠤ᠂ 2016 ᠤᠨ ᠤ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠤᠷᠢᠳᠴᠢᠯᠡᠨ ᠵᠢᠱᠢᠭᠰᠡᠨ ᠬᠠᠷᠠᠯᠳᠠ ᠬᠡᠪᠡᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 123.2 ᠳ᠋ᠦᠩᠰᠢᠭᠤᠷ ᠲᠦᠬᠦᠷᠢᠭ ᠲᠤ ᠬᠦᠷᠬᠡᠵᠦ᠂ 9.6%᠎ ᠪᠠᠷ ᠨᠡᠮᠡᠭᠳᠡᠬᠦᠯᠦᠨ᠎ᠡ︔ ᠡᠬᠦᠨ ᠳᠤ ᠨᠢᠬᠡᠳᠦᠬᠡᠷ ᠠᠵᠤ ᠦᠢᠯᠡᠰ ᠤᠨ ᠨᠡᠮᠡᠭᠳᠡᠯ ᠦᠷᠳᠡᠭ ᠢ 16.5 ᠳ᠋ᠦᠩᠰᠢᠭᠤᠷ ᠲᠦᠬᠦᠷᠢᠭ ᠲᠤ ᠬᠦᠷᠬᠡᠵᠦ᠂ 5.4%᠎ ᠪᠠᠷ ᠨᠡᠮᠡᠭᠳᠡᠬᠦᠯᠦᠨ᠎ᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 88.5 ᠳ᠋ᠦᠩᠰᠢᠭᠤᠷ ᠲᠦᠬᠦᠷᠢᠭ ᠲᠤ ᠬᠦᠷᠬᠡᠵᠦ᠂ 11%᠎ ᠪᠠᠷ ᠨᠡᠮᠡᠭᠳᠡᠬᠦᠯᠦᠨ᠎ᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 18.2 ᠳ᠋ᠦᠩᠰᠢᠭᠤᠷ ᠲᠦᠬᠦᠷᠢᠭ ᠲᠤ ᠬᠦᠷᠬᠡᠵᠦ᠂ 10%᠎ ᠪᠠᠷ ᠨᠡᠮᠡᠭᠳᠡᠬᠦᠯᠦᠨ᠎ᠡ᠃ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 101.2 ᠳ᠋ᠦᠩᠰᠢᠭᠤᠷ ᠲᠦᠬᠦᠷᠢᠭ ᠪᠡᠶᠡᠯᠡᠬᠦᠯᠵᠦ᠂ 21.9%᠎ ᠪᠠᠷ ᠨᠡᠮᠡᠭᠳᠡᠬᠦᠯᠦᠨ᠎ᠡ᠃ ᠤᠯᠠᠨ ᠨᠡᠶᠢᠳᠡ ᠶᠢᠨ ᠡᠳ᠋ ᠤᠨ ᠵᠠᠰᠠᠭ ᠎ ᠤᠨ ᠲᠦᠰᠦᠪ ᠤᠨ ᠤᠷᠤᠯᠭ᠎ᠠ ᠶᠢ 20.7 ᠳ᠋ᠦᠩᠰᠢᠭᠤᠷ ᠲᠦᠬᠦᠷᠢᠭ ᠲᠤ ᠬᠦᠷᠬᠡᠵᠦ᠂ 9%᠎ ᠪᠠᠷ ᠨᠡᠮᠡᠭᠳᠡᠬᠦᠯᠦᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠬᠤᠪᠢᠶᠠᠷᠢᠯᠠᠵᠦ ᠪᠤᠯᠬᠤᠶᠢᠴᠠ ᠤᠷᠤᠯᠭ᠎ᠠ ᠶᠢ 33692 ᠲᠦᠬᠦᠷᠢᠭ ᠲᠤ ᠬᠦᠷᠬᠡᠵᠦ᠂ 9%᠎ ᠪᠠᠷ ᠨᠡᠮᠡᠭᠳᠡᠬᠦᠯᠦᠨ᠎ᠡ︔ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠬᠤᠪᠢᠶᠠᠷᠢᠯᠠᠵᠦ ᠪᠤᠯᠬᠤᠶᠢᠴᠠ ᠤᠷᠤᠯᠭ᠎ᠠ ᠶᠢ 22315 ᠲᠦᠬᠦᠷᠢᠭ ᠲᠤ ᠬᠦᠷᠬᠡᠵᠦ᠂ 10%᠎ ᠪᠠᠷ ᠨᠡᠮᠡᠭᠳᠡᠬᠦᠯᠦᠨ᠎ᠡ᠃ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠭᠤᠯᠤᠯᠳᠠ ᠶᠢᠨ ᠶᠡᠷᠦᠩᠬᠡᠢ ᠦᠷᠳᠡᠭ ᠢ 20.3 ᠳ᠋ᠦᠩᠰᠢᠭᠤᠷ ᠲᠦᠬᠦᠷᠢᠭ ᠲᠤ ᠬᠦᠷᠬᠡᠵᠦ᠂ 8%᠎ ᠪᠠᠷ ᠨᠡᠮᠡᠭᠳᠡᠬᠦᠯᠦᠨ᠎ᠡ᠃ ᠦᠨᠦ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠤᠷᠢᠳᠴᠢᠯᠡᠨ ᠵᠢᠱᠢᠭᠰᠡᠨ ᠬᠠᠷᠠᠯᠳᠠ ᠶᠢ ᠪᠡᠶᠡᠯᠡᠬᠦᠯᠬᠦ ᠳᠤ ᠪᠢᠳᠡ ᠡᠷᠬᠡᠪᠰᠢ ᠳᠤᠤᠷᠠᠬᠢ ᠭᠤᠤᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠨ᠎ᠠ᠃     ︵ᠨᠢᠬᠡ︶ ᠪᠤᠬᠢᠷᠳᠤᠯ ᠦᠬᠡᠢ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠡ᠃ ᠪᠤᠬᠢᠷᠳᠤᠯ ᠦᠬᠡᠢ ᠬᠦᠭᠵᠢᠯᠳᠡ ᠶᠢᠨ ᠤᠶᠢᠯᠠᠭᠠᠭᠳᠠᠬᠤᠨ ᠢ ᠲᠡᠷᠢᠬᠦᠨ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠤᠷᠴᠢᠨ ᠲᠤᠭᠤᠷᠢᠨ ᠎ ᠢ ᠬᠠᠮᠠᠭᠠᠯᠠᠬᠤ ᠪᠠᠷ ᠤᠷᠢᠳᠠᠯ ᠪᠤᠯᠭᠠᠬᠤ ᠶᠢ ᠪᠠᠷᠢᠮᠳᠠᠯᠠᠨ᠎ᠠ᠃ ᠨᠢᠬᠡ ᠳᠤ᠂ ᠠᠮᠢ ᠠᠬᠤᠢ ᠶᠢ ᠬᠠᠮᠠᠭᠠᠯᠠᠬᠤ ᠰᠡᠷᠡᠮᠵᠢ ᠎ ᠶᠢᠨ ᠱᠤᠭᠤᠮ ᠤᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ᠰᠡᠷᠡᠮᠵᠢ ᠶᠢᠨ ᠱᠤᠭᠤᠮ ᠤᠨ ᠬᠡᠪᠴᠢᠶᠡᠨ ᠲᠤᠳᠤᠷᠠᠬᠢ ᠨᠡᠬᠡᠬᠡᠯᠳᠡ ᠶᠢᠨ ᠠᠵᠢᠯᠯᠠᠭ᠎ᠠ ᠶᠢ ᠴᠡᠭᠴᠡᠯᠡᠨ᠎ᠡ᠃ ︽ᠬᠡᠨ ᠵᠦᠪᠰᠢᠶᠡᠷᠡᠪᠡᠯ ᠬᠡᠨ ᠬᠠᠷᠢᠭᠤᠴᠠᠬᠤ᠂ ᠬᠡᠨ ᠡᠪᠳᠡᠯᠡᠨ ᠰᠦᠢᠳᠬᠡᠪᠡᠯ ᠬᠡᠨ ᠰᠡᠷᠬᠦᠬᠡᠬᠦ︾ ᠵᠠᠷᠴᠢᠮ ᠶᠤᠰᠤᠭᠠᠷ᠂ ᠬᠡᠬᠡᠷ᠎ᠡ ᠲᠠᠯ᠎ᠠ ᠲᠡᠬᠡᠷ᠎ᠡ ᠲᠦᠷ ᠴᠠᠭ ᠠᠵᠢᠯ ᠬᠢᠬᠦ ᠵᠢᠴᠢ ᠨᠤᠳᠤᠭ ᠪᠡᠯᠴᠢᠬᠡᠷ ᠢ ᠲᠠᠳᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠬᠤ ᠠᠵᠢᠯ ᠢ ᠬᠠᠤᠯᠢ ᠶᠤᠰᠤᠭᠠᠷ ᠲᠦᠷᠢᠮᠵᠢᠬᠦᠯᠵᠦ᠂ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ ᠪᠤᠯᠤᠨ ᠠᠰᠢᠭᠯᠠᠨ ᠬᠠᠮᠢᠶᠠᠷᠬᠤ ᠶᠢ ᠴᠢᠩᠭᠠᠳᠬᠠᠵᠤ᠂ ᠲᠠᠯ᠎ᠠ ᠨᠤᠳᠤᠭ ᠤᠨ ᠠᠮᠢ ᠠᠬᠤᠢ ᠶᠢ ᠡᠪᠳᠡᠬᠦ ᠠᠵᠢᠯ ᠢ ᠡᠷᠡᠰ ᠬᠤᠷᠢᠭᠯᠠᠨ᠎ᠠ᠃ ᠠᠮᠢ ᠠᠬᠤᠢ ᠶᠢᠨ ᠪᠤᠯᠪᠠᠰᠤᠨ ᠤ ᠬᠢᠷᠢ ᠪᠦᠳᠦᠮᠵᠢ ᠶᠢᠨ ᠬᠢᠨᠠᠨ ᠰᠢᠯᠭᠠᠯᠳᠠ ᠪᠤᠯᠤᠨ ᠬᠠᠷᠢᠭᠤᠴᠠᠯᠭ᠎ᠠ ᠨᠡᠬᠡᠮᠵᠢᠯᠡᠬᠦ ᠰᠢᠰᠲ᠋ᠧᠮ ᠵᠢᠴᠢ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠲᠤᠰᠢᠶᠠᠯ ᠠᠴᠠ ᠰᠠᠯᠬᠤ ᠦᠶ᠎ᠡ ᠶᠢᠨ ᠬᠢᠨᠠᠨ ᠪᠤᠳᠤᠯᠳᠠ᠂ ᠠᠮᠢ ᠠᠬᠤᠢ ᠶᠢᠨ ᠤᠷᠴᠢᠨ ᠲᠤᠭᠤᠷᠢᠨ ᠤ ᠠᠯᠳᠠᠭ᠎ᠠ ᠤᠰᠤᠯ ᠳᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠤᠭᠳᠠᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠪᠠ ᠡᠬᠢ ᠪᠠᠶᠠᠯᠢᠭ ᠎ ᠢ ᠬᠦᠨᠳᠦ ᠨᠤᠴᠢᠳᠠᠢ ᠡᠪᠳᠡᠨ ᠰᠦᠢᠳᠬᠡᠭᠰᠡᠨ ᠬᠠᠷᠢᠭᠤᠴᠠᠯᠭᠠᠳᠠᠨ ᠠᠴᠠ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ ᠃ ᠬᠤᠶᠠᠷ ᠲᠤ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠢᠨ᠎ᠡ ᠨᠢᠬᠡ ᠡᠬᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ᠨᠦᠬᠦᠪᠦᠷᠢ ᠶᠢᠨ ᠪᠠᠷᠢᠮᠵᠢᠶ᠎ᠠ ᠶᠢ ᠨᠢ ᠳᠡᠬᠡᠭᠰᠢᠯᠡᠬᠦᠯᠦᠨ᠂ ᠰᠡᠯᠬᠦᠨ ᠮᠠᠯᠵᠢᠬᠤ᠂ ᠪᠡᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠬᠡᠷ ᠤᠨ ᠳᠡᠩᠴᠡᠬᠦᠷᠢ ᠶᠢᠨ ᠳᠦᠷᠢᠮ ᠢ ᠲᠡᠬᠦᠯᠳᠡᠷᠵᠢᠬᠦᠯᠵᠦ᠂ ᠨᠤᠳᠤᠭ ᠪᠡᠯᠴᠢᠬᠡᠷ ᠠᠮᠢ ᠠᠬᠤᠢ ᠶᠢ ᠦᠷᠬᠦᠯᠵᠢᠯᠡᠨ ᠰᠠᠶᠢᠵᠢᠷᠠᠭᠤᠯᠤᠨ᠎ᠠ᠃ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠪᠠ ᠬᠢᠨᠠᠨ ᠬᠠᠮᠢᠶᠠᠷᠬᠤ ᠵᠤᠬᠢᠴᠠᠮᠵᠢ ᠶᠢ ᠲᠡᠬᠦᠯᠳᠡᠷᠵᠢᠬᠦᠯᠵᠦ᠂ ᠱᠠᠩᠨᠠᠨ ᠨᠦᠬᠦᠪᠦᠷᠢᠯᠡᠬᠦ ᠮᠦᠩᠬᠦ ᠶᠢᠨ ᠲᠠᠷᠬᠠᠭᠠᠯᠳᠠ ᠶᠢ ᠪᠡᠯᠴᠢᠬᠡᠷᠯᠡᠬᠦᠯᠬᠦ ᠶᠢ ᠵᠤᠭᠰᠤᠭᠠᠬᠤ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠡᠬᠦᠷᠬᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠪᠤᠷᠳᠤᠨ ᠲᠡᠵᠢᠬᠡᠬᠦ ᠬᠠᠮᠢᠶᠠᠷᠤᠯᠳᠠ ᠶᠢᠨ ᠬᠡᠯᠪᠡᠷᠢ ᠵᠡᠷᠬᠡ ᠲᠠᠢ ᠬᠠᠷᠢᠯᠴᠠᠨ ᠬᠤᠯᠪᠤᠵᠤ᠂ ᠲᠦᠷᠦ ᠶᠢᠨ ᠪᠤᠳᠤᠯᠭ᠎ᠠ ᠶᠢ ᠦᠨᠡᠨ ᠪᠤᠳᠠᠳᠠᠢ ᠬᠡᠷᠡᠭᠵᠢᠬᠦᠯᠵᠦ᠂ ᠪᠡᠯᠡ ᠮᠦᠩᠬᠦᠨ ᠤ ᠦᠢᠯᠡᠳᠦᠯ ᠢ ᠨᠢ ᠦᠨᠡᠨᠬᠦ ᠪᠠᠳᠠᠷᠠᠭᠤᠯᠤᠨ᠎ᠠ᠃ ᠭᠤᠷᠪᠠ ᠳᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ ᠃  ᠪᠡᠬᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢᠶᠠᠷ ᠭᠤᠤᠯ ᠪᠤᠯᠭᠠᠨ᠂ ᠤᠯᠤᠰ ᠤᠨ ᠨᠡᠶᠢᠳᠡ ᠶᠢᠨ ᠠᠰᠢᠭᠳᠤ ᠤᠢ ᠰᠢᠭᠤᠢ ᠶᠢᠨ ᠨᠦᠬᠦᠪᠦᠷᠢ ᠶᠢᠨ ᠳᠦᠷᠦ ᠶᠢᠨ ᠪᠤᠳᠤᠯᠭ᠎ᠠ ᠪᠠ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠬᠦᠯᠵᠦ᠂ ︽ᠬᠠᠮᠠᠭᠠᠯᠠᠬᠤ ᠪᠠᠷ ᠤᠷᠢᠳᠠᠯ ᠪᠤᠯᠭᠠᠵᠤ᠂ ᠬᠠᠮᠠᠭᠠᠯᠠᠬᠤ᠂ ᠠᠰᠢᠭᠯᠠᠬᠤ᠂ ᠨᠡᠬᠡᠬᠡᠨ ᠬᠦᠭᠵᠢᠬᠦᠯᠬᠦ ᠶᠢ ᠬᠠᠷᠢᠯᠴᠠᠨ ᠤᠶᠠᠯᠳᠤᠭᠤᠯᠬᠤ︾ ᠵᠠᠷᠴᠢᠮ ᠶᠤᠰᠤᠭᠠᠷ᠂ ᠡᠯᠡᠰᠦᠷᠬᠡᠭ ᠭᠠᠵᠠᠷ ᠤᠨ ᠠᠮᠢ ᠠᠬᠤᠢ ᠶᠢ ᠬᠠᠮᠠᠭᠠᠯᠠᠬᠤ ᠰᠢᠰᠲ᠋ᠧᠮ ᠪᠤᠯᠤᠨ ᠤᠢ ᠰᠢᠭᠤᠢ ᠡᠯᠡᠰᠦᠨ ᠤ ᠦᠢᠯᠡᠰ ᠤᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠤᠨ᠎ᠠ᠃ ᠤᠷᠴᠢᠨ ᠲᠤᠭᠤᠷᠢᠨ ᠢ ᠵᠠᠰᠠᠨ ᠴᠡᠭᠴᠡᠯᠡᠬᠦ ᠶᠢ ᠰᠠᠶᠢᠳᠤᠷ ᠠᠳᠬᠤᠵᠤ᠂ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠬᠠᠮᠠᠭᠠᠯᠠᠬᠤ ᠬᠢᠬᠡᠳ ᠰᠡᠷᠬᠦᠬᠡᠨ ᠵᠠᠰᠠᠬᠤ ᠠᠵᠢᠯ ᠢ ᠴᠢᠩᠭᠠᠳᠬᠠᠵᠤ᠂ ︽ᠭᠤᠷᠪᠠᠨ ᠲᠤᠭᠤᠷᠢᠭ ᠬᠤᠶᠠᠷ ᠱᠤᠭᠤᠮ︾᠎ ᠤᠨ ᠤᠷᠴᠢᠨ ᠲᠤᠭᠤᠷᠢᠨ ᠢ ᠵᠠᠰᠠᠬᠤ ᠢᠨᠵᠧᠨᠧᠷᠢᠩ ᠢ ᠦᠷᠬᠦᠯᠵᠢᠯᠡᠨ ᠦᠷᠨᠢᠬᠦᠯᠦᠨ᠎ᠡ᠃ ᠳᠦᠷᠪᠡ ᠳᠤ᠂ ᠶᠡᠷᠦᠩᠬᠡᠶᠢᠯᠡᠨ ᠬᠠᠤᠯᠢ ᠬᠡᠷᠡᠭᠵᠢᠬᠦᠯᠬᠦ ᠬᠦᠴᠦᠯᠡᠴᠡ ᠶᠢ ᠦᠷᠬᠦᠯᠵᠢᠯᠡᠨ ᠨᠡᠮᠡᠭᠳᠡᠬᠦᠯᠵᠦ᠂ ᠪᠡᠯᠴᠢᠬᠡᠷ ᠤᠨ ᠲᠠᠭᠠᠭᠠᠴᠠ ᠠᠴᠠ ᠬᠡᠳᠦᠷᠡᠬᠦᠯᠵᠦ ᠮᠠᠯ ᠮᠠᠯᠵᠢᠬᠤ ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠨ ᠰᠢᠢᠳᠬᠡᠵᠦ᠂ ᠭᠠᠳᠠᠨᠠᠬᠢ ᠮᠠᠯ ᠢ ᠪᠡᠯᠴᠢᠬᠡᠷ ᠲᠡᠭᠡᠨ ᠲᠡᠵᠢᠬᠡᠬᠦ ᠪᠤᠯᠤᠨ ᠬᠠᠤᠯᠢ ᠪᠤᠰᠤ ᠪᠠᠷ ᠡᠮ ᠤᠨ ᠦᠨᠳᠦᠰᠦ ᠮᠠᠯᠳᠠᠬᠤ ᠵᠡᠷᠬᠡ ᠪᠡᠯᠴᠢᠬᠡᠷ ᠨᠤᠳᠤᠭ ᠢ ᠡᠪᠳᠡᠭᠰᠡᠨ ᠠᠵᠢᠯᠯᠠᠭ᠎ᠠ ᠳᠤ ᠴᠢᠩᠭ᠎ᠠ ᠎ ᠪᠠᠷ ᠴᠤᠬᠢᠯᠳᠠ ᠦᠭᠬᠦᠨ᠎ᠡ᠃ ᠪᠠᠶᠢᠭᠠᠯᠢᠯᠢᠭ ᠬᠠᠳᠤᠯᠠᠩ ᠢ ᠰᠢᠨᠵᠢᠯᠡᠬᠦ ᠤᠬᠠᠭᠠᠨᠴᠢ ᠪᠠᠷ ᠠᠰᠢᠭᠯᠠᠨ ᠬᠠᠮᠠᠭᠠᠯᠠᠬᠤ ᠶᠢ ᠴᠢᠩᠭᠠᠳᠬᠠᠵᠤ᠂ ᠡᠪᠳᠡᠯᠬᠡ ᠶᠢᠨ ᠴᠢᠨᠠᠷᠳᠠᠢ ᠡᠵᠡᠩᠨᠡᠯᠳᠡ ᠶᠢ ᠡᠷᠡᠰ ᠬᠤᠷᠢᠭᠯᠠᠨ᠎ᠠ᠃ ᠠᠵᠢᠯ ᠤᠨ ᠠᠷᠭ᠎ᠠ ᠠᠪᠴᠢᠯ ᠎ ᠢᠶᠠᠨ ᠴᠢᠩᠭᠠᠳᠬᠠᠨ᠂ ᠲᠠᠯ᠎ᠠ ᠨᠤᠳᠤᠭ ᠤᠨ ᠭᠠᠯ ᠰᠡᠷᠬᠡᠶᠢᠯᠡᠬᠦ ᠠᠵᠢᠯ ᠢ ᠰᠠᠶᠢᠳᠤᠷ ᠠᠳᠬᠤᠨ᠎ᠠ᠃ ᠳᠠᠪᠤ ᠳᠤ᠂ ᠤᠷᠴᠢᠨ ᠲᠤᠭᠤᠷᠢᠨ ᠢ ᠬᠠᠮᠠᠭᠠᠯᠠᠨ ᠵᠠᠰᠠᠬᠤ ᠠᠵᠢᠯ ᠢ ᠰᠠᠶᠢᠳᠤᠷ ᠬᠢᠨ᠎ᠡ᠃ ᠤᠰᠤᠨ ᠤ ᠡᠬᠢ ᠪᠠᠶᠠᠯᠢᠭ ᠢ ᠬᠠᠮᠢᠶᠠᠷᠬᠤ ᠬᠠᠮᠤᠭ ᠴᠢᠩᠭ᠎ᠠ ᠲᠦᠷᠢᠮ ᠢ ᠬᠡᠷᠡᠭᠵᠢᠬᠦᠯᠵᠦ᠂ ︽ᠭᠤᠷᠪᠠᠨ ᠵᠤᠷᠪᠤᠰ ᠰᠡᠷᠡᠮᠵᠢ ᠶᠢᠨ ᠱᠤᠭᠤᠮ︾ ᠪᠤᠯᠤᠨ ︽ᠭᠤᠷᠪᠠ ᠎ ᠶᠢ ᠵᠡᠷᠬᠡᠪᠡᠷ ᠶᠠᠪᠤᠭᠳᠠᠭᠤᠯᠬᠤ︾ ᠲᠦᠷᠢᠮ ᠢ ᠴᠢᠩᠭ᠎ᠠ ᠨᠢᠮᠪᠠᠢ ᠬᠡᠷᠡᠭᠵᠢᠬᠦᠯᠦᠨ᠎ᠡ᠃ ᠪᠤᠬᠢᠷᠳᠤᠯ ᠢ ᠭᠠᠳᠠᠭᠰᠢᠯᠠᠭᠤᠯᠬᠤ ᠂ ᠠᠭᠠᠷ ᠤᠨ ᠪᠤᠬᠢᠷᠳᠤᠯ ᠢ ᠰᠡᠷᠬᠡᠶᠢᠯᠡᠨ ᠵᠠᠰᠠᠬᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠬᠡᠷᠡᠭᠵᠢᠬᠦᠯᠬᠦ ᠵᠡᠷᠬᠡ ᠲᠠᠯ᠎ᠠ ᠶᠢᠨ ᠠᠵᠢᠯ ᠢ ᠬᠦᠴᠦᠳᠠᠢ ᠠᠳᠬᠤᠵᠤ᠂ ᠭᠤᠤᠯᠳᠠᠯᠭᠠᠳᠤ ᠠᠵᠤ ᠠᠬᠤᠶᠢᠯᠠᠯ ᠤᠨ ᠪᠤᠬᠢᠷᠳᠤᠯ ᠢ ᠵᠠᠰᠠᠬᠤ ᠲᠦᠬᠦᠬᠡᠷᠦᠮᠵᠢ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠪᠦᠬᠦᠶᠢᠯᠡ ᠵᠠᠰᠠᠨ ᠴᠡᠭᠴᠡᠯᠡᠬᠦ ᠲᠦᠬᠦᠬᠡᠷᠦᠮᠵᠢ ᠨᠢ ᠦᠨᠳᠦᠷ ᠪᠦᠳᠦᠮᠵᠢᠳᠠᠢ ᠲᠤᠭᠳᠠᠭᠤᠨ ᠢᠶᠠᠷ ᠠᠵᠢᠯᠯᠠᠬᠤ ᠶᠢ ᠪᠠᠳᠤᠯᠠᠨ᠎ᠠ᠃ ᠤᠷᠴᠢᠨ ᠲᠤᠭᠤᠷᠢᠨ ᠎ ᠤ ᠦᠨᠡᠯᠡᠯᠳᠡ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠤᠷᠴᠢᠨ ᠲᠤᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠦᠰᠦᠪ ᠢ ᠦᠨᠡᠯᠡᠨ ᠲᠠᠩᠰᠠᠯᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠠᠤ ᠰᠤᠷᠢᠯᠳᠠ ᠪᠤᠯᠪᠠᠰᠤᠷᠠᠯ ᠤᠨ ᠲᠦᠷᠢᠮ ᠢ ᠬᠡᠷᠡᠭᠵᠢᠬᠦᠯᠦᠨ᠎ᠡ᠃ ᠪᠦᠳᠦᠬᠡᠨ ᠪᠠᠶᠢᠭᠤᠯᠵᠤ ᠪᠠᠶᠢᠬᠤ ᠲᠦᠷᠦᠯ ᠵᠦᠢᠯ ᠳᠤ ᠤᠷᠴᠢᠨ ᠲᠤᠭᠤᠷᠢᠨ ᠤ ᠦᠨᠡᠯᠡᠯᠳᠡ ᠬᠢᠬᠦ ᠲᠦᠷᠢᠮ ᠢ ᠴᠢᠩᠭ᠎ᠠ ᠬᠡᠷᠡᠭᠵᠢᠬᠦᠯᠤᠨ᠂ ᠵᠦᠪᠰᠢᠶᠡᠷᠡᠯ ᠦᠬᠡᠢ ᠪᠠᠷ ᠤᠷᠢᠳᠴᠢᠯᠡᠨ ᠪᠠᠶᠢᠭᠤᠯᠬᠤ᠂ ᠬᠢᠨᠠᠨ ᠰᠢᠯᠭᠠᠯᠳᠠ ᠶᠢ ᠬᠦᠯᠢᠶᠡᠬᠦ ᠦᠬᠡᠢ ᠤᠳᠠᠭᠠᠰᠢᠷᠠᠭᠤᠯᠬᠤ ᠵᠡᠷᠬᠡ ᠤᠷᠴᠢᠨ ᠲᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠡᠬᠦᠰᠬᠦ ᠶᠢ ᠲᠠᠰᠤ ᠬᠤᠷᠢᠭᠯᠠᠵᠤ᠂ ᠤᠷᠴᠢᠨ ᠲᠤᠭᠤᠷᠢᠨ ᠤ ᠠᠰᠠᠭᠤᠳᠠᠯ ᠭᠠᠷᠬᠤ ᠶᠢ ᠡᠬᠢ ᠡᠬᠦᠰᠦᠯ ᠠᠴᠠ ᠨᠢ ᠰᠡᠷᠬᠡᠶᠢᠯᠡᠨ ᠬᠤᠷᠢᠭᠯᠠᠨ᠎ᠠ᠃     ︵ᠬᠤᠶᠠᠷ︶ ᠭᠤᠷᠪᠠᠨ ᠠᠵᠤ ᠦᠢᠯᠡᠰ ᠤᠨ ᠪᠦᠳᠦᠴᠡ ᠶᠢ ᠬᠤᠪᠢᠷᠠᠭᠤᠯᠵᠤ ᠲᠡᠰ ᠲᠡᠪᠰᠢᠬᠦ ᠶᠢ ᠠᠬᠢᠭᠤᠯᠤᠨ᠂ ᠲᠠᠪᠠᠭᠤᠯᠢᠭ  ᠤᠨᠴᠠᠯᠢᠭᠳᠤ ᠲᠤᠯᠭᠠᠭᠤᠷᠢᠯᠠᠬᠤ ᠠᠵᠤ ᠦᠢᠯᠡᠰ ᠢ ᠦᠨᠡᠨᠬᠦ ᠪᠤᠵᠠᠭᠠᠶᠢᠷᠠᠭᠤᠯᠤᠨ᠎ᠠ᠃ ︽ᠭᠤᠷᠪᠠ ᠶᠢ ᠦᠬᠡᠶᠢᠰᠬᠡᠵᠦ᠂ ᠨᠢᠬᠡ ᠶᠢ ᠪᠠᠭᠤᠷᠠᠭᠤᠯᠵᠦ᠂ ᠨᠢᠬᠡ ᠶᠢ ᠨᠦᠬᠦᠪᠦᠷᠢᠯᠡᠬᠦ︾ ᠱᠠᠭᠠᠷᠳᠠᠯᠭ᠎ᠠ ᠶᠤᠰᠤᠭᠠᠷ᠂ ᠠᠵᠤ ᠠᠬᠤᠢ ᠎ ᠶᠢᠨ ᠦᠰᠦᠯᠳᠡ ᠶᠢ ᠳᠤᠭᠳᠠᠪᠤᠷᠢᠵᠢᠭᠤᠯᠤᠭᠰᠠᠨ ᠰᠠᠭᠤᠷᠢᠨ ᠳᠡᠬᠡᠷ᠎ᠡ᠂ ᠬᠠᠩᠭᠠᠯᠭ᠎ᠠ ᠶᠢᠨ ᠲᠠᠯ᠎ᠠ ᠳᠠᠬᠢ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠴᠢᠩᠭ᠎ᠠ ᠨᠠᠶᠢᠳᠠᠪᠤᠷᠢᠵᠢᠭᠤᠯᠵᠦ᠂ ᠠᠵᠤ ᠠᠬᠤᠢ ᠶᠢᠨ ᠪᠦᠳᠦᠴᠡ ᠶᠢ ᠬᠤᠪᠢᠷᠠᠭᠤᠯᠤᠨ ᠳᠡᠰᠵᠢᠬᠦᠯᠬᠦ ᠶᠢ ᠳᠦᠷᠬᠡᠳᠬᠡᠨ᠂ ᠠᠵᠤ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠬᠡᠭᠰᠢᠯᠡᠬᠦᠯᠦᠨ᠎ᠡ᠃     ᠨᠢᠬᠡ ᠳᠤ᠂ ᠤᠯᠤᠰ ᠤᠨ ᠭᠤᠤᠯᠳᠠᠯᠭ᠎ᠠ ᠲᠠᠢ ᠴᠡᠪᠡᠷ ᠡᠨᠧᠷᠬᠢ ᠶᠢ ᠭᠠᠳᠠᠭᠰᠢᠯᠠᠭᠤᠯᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠬᠤ ᠳᠤ ᠲᠦᠰᠢᠭᠯᠡᠵᠦ᠂ ᠠᠵᠤ ᠦᠢᠯᠡᠰ ᠤᠨ ᠪᠦᠳᠦᠴᠡ ᠶᠢ ᠬᠤᠪᠢᠷᠠᠭᠤᠯᠤᠨ ᠳᠡᠰᠵᠢᠬᠦᠯᠬᠦ ᠶᠢ ᠲᠦᠷᠬᠡᠳᠬᠡᠵᠦ᠂ ᠤᠯᠠᠨ ᠲᠠᠯ᠎ᠠ ᠳᠤ ᠳᠤᠯᠭᠠᠭᠤᠷᠢᠯᠠᠭᠰᠠᠨ᠂ ᠤᠯᠠᠨ ᠡᠰᠢᠵᠢᠭᠰᠡᠨ ᠬᠦᠭᠵᠢᠯᠳᠡ ᠶᠢᠨ ᠰᠢᠨ᠎ᠡ ᠬᠡᠯᠪᠡᠷᠢ ᠎ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃  ᠭᠤᠤᠯᠳᠠᠯᠭ᠎ᠠ ᠲᠠᠢ ᠳᠦᠷᠦᠯ ᠵᠦᠢᠯ ᠢ ᠳᠦᠯᠬᠢᠨ ᠠᠬᠢᠭᠤᠯᠬᠤ ᠭᠤᠷᠪᠠᠨ ᠵᠢᠯ ᠤᠨ ᠳᠦᠯᠦᠪᠯᠡᠭᠡ ᠶᠢ ᠨᠠᠶᠢᠳᠠᠪᠤᠷᠢᠵᠢᠭᠤᠯᠤᠨ᠂ ᠪᠡᠯᠡ ᠤᠷᠤᠭᠤᠯᠤᠯᠳᠠ ᠶᠢ ᠨᠡᠮᠡᠭᠳᠡᠬᠦᠯᠵᠤ᠂ ᠠᠵᠤ ᠠᠬᠤᠢ ᠶᠢᠨ ᠦᠰᠦᠯᠳᠡ ᠶᠢ ᠳᠤᠭᠳᠠᠪᠤᠷᠢᠵᠢᠭᠤᠯᠬᠤ ᠪᠠ ᠠᠵᠤ ᠠᠬᠤᠢ ᠶᠢᠨ ᠪᠦᠳᠦᠴᠡ ᠳᠤ ᠳᠤᠬᠢᠷᠠᠭᠤᠯᠤᠯᠳᠠ ᠬᠢᠬᠦ ᠪᠠᠷ ᠳᠠᠮᠵᠢᠨ ᠳᠦᠷᠦᠯ ᠵᠦᠢᠯ ᠤᠨ ᠪᠡᠯᠡ ᠤᠷᠤᠭᠤᠯᠤᠯᠳᠠ ᠶᠢᠨ ᠵᠠᠩᠬᠢᠯᠠᠭ᠎ᠠ ᠶᠢᠨ ᠦᠢᠯᠡᠳᠦᠯ ᠎ ᠢ ᠪᠠᠳᠠᠷᠠᠭᠤᠯᠤᠨ᠎ᠠ᠃ 2016 ᠤᠨ ᠳᠤ ᠠᠵᠤ ᠦᠢᠯᠡᠳᠪᠤᠷᠢ ᠶᠢᠨ ᠭᠤᠤᠯᠳᠠᠯᠭ᠎ᠠ ᠲᠠᠢ ᠳᠦᠷᠦᠯ ᠵᠦᠢᠯ 16 ᠵᠦᠢᠯ ︵ᠦᠷᠬᠦᠯᠵᠢᠯᠡᠨ ᠪᠠᠶᠢᠭᠤᠯᠬᠤ 5 ᠵᠦᠢᠯ᠂ ᠰᠢᠨ᠎ᠡ ᠪᠠᠷ ᠪᠠᠶᠢᠭᠤᠯᠬᠤ 11 ᠵᠦᠢᠯ︶ ᠪᠠᠶᠢᠷᠢᠯᠠᠭᠤᠯᠵᠦ᠂ 83.8 ᠳ᠋ᠦᠩᠰᠢᠭᠤᠷ ᠳᠦᠬᠦᠷᠢᠭ ᠪᠡᠯᠡ ᠮᠦᠩᠬᠦ ᠤᠷᠤᠭᠤᠯᠬᠤ ᠪᠠᠷ ᠳᠦᠯᠦᠪᠯᠡᠵᠦ ᠪᠠᠶᠢᠨ᠎ᠠ᠃  ᠨᠡᠬᠦᠷᠡᠰᠤ ᠶᠢ ᠨᠡᠬᠡᠬᠡᠨ ᠬᠦᠭᠵᠢᠬᠦᠯᠬᠦ ᠬᠡᠪᠴᠢᠶ᠎ᠡ ᠪᠠ ᠡᠷᠴᠢᠮᠵᠢᠯ ᠢ ᠵᠤᠬᠢᠰᠳᠠᠢ ᠬᠢᠵᠠᠭᠠᠷᠯᠠᠵᠦ᠂ ᠵᠢᠷ ᠤᠨ ᠭᠤᠤᠯ ᠬᠤᠶᠠᠳᠤᠭᠠᠷ ᠵᠠᠳᠠᠭᠠᠢ ᠨᠡᠬᠦᠷᠡᠰᠦᠨ ᠠᠭᠤᠷᠬᠠᠢ ᠶᠢᠨ ᠵᠢᠯ ᠳᠤ 1800 ᠳᠦᠮᠡᠨ ᠳᠤᠨ ᠬᠦᠷᠡᠩ ᠨᠡᠬᠦᠷᠡᠰᠤ ᠭᠠᠷᠭᠠᠬᠤ ᠳᠦᠷᠦᠯ ᠵᠦᠢᠯ ᠪᠠ ᠬᠤᠸᠠ ᠷᠦᠨ ᠪᠦᠯᠦᠭᠯᠡᠯ ᠤᠨ ᠡᠤ ᠵᠢᠶᠠᠨ ᠹᠠᠩ ᠪᠠᠷᠠᠭᠤᠨ ᠨᠢᠬᠡᠳᠦᠬᠡᠷ ᠬᠤᠳᠳᠤᠭ ᠤᠨ ᠵᠢᠯ ᠳᠤ 800 ᠳᠦᠮᠡᠨ ᠳᠤᠨ ᠬᠦᠷᠡᠩ ᠨᠡᠬᠦᠷᠡᠰᠤ ᠭᠠᠷᠭᠠᠬᠤ ᠳᠦᠷᠦᠯ ᠵᠦᠢᠯ ᠢ ᠰᠡᠷᠬᠦᠬᠡᠨ ᠪᠦᠳᠦᠬᠡᠨ ᠪᠠᠶᠢᠭᠤᠯᠤᠨ᠎ᠠ᠃  ᠨᠡᠬᠦᠷᠡᠰᠤ ᠶᠢ ᠴᠠᠬᠢᠯᠭᠠᠨ ᠪᠤᠯᠭᠠᠨ ᠬᠤᠪᠢᠷᠠᠭᠤᠯᠬᠤ ᠠᠵᠢᠯ ᠢ ᠰᠠᠶᠢᠳᠤᠷ ᠬᠢᠵᠦ᠂ ᠬᠤᠸᠠ ᠷᠦᠨ ᠴᠠᠬᠢᠯᠭᠠᠨ ᠬᠦᠴᠦᠨ ᠤ ᠡᠣ ᠵᠢᠶᠠᠨ ᠹᠠᠩ ᠳᠠᠬᠢ ᠴᠠᠬᠢᠯᠭᠠᠨ ᠦᠢᠯᠡᠳᠪᠤᠷᠢ ᠶᠢᠨ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠳᠦᠷᠦᠯ ᠵᠦᠢᠯ ᠵᠢᠴᠢ ᠵᠢᠩ ᠨᠧᠩ ᠪᠦᠯᠦᠭᠯᠡᠯ ᠤᠨ ᠡᠣ ᠵᠢᠶᠠᠨ ᠹᠠᠩ ᠳᠠᠬᠢ ᠴᠠᠬᠢᠯᠭᠠᠨ ᠦᠢᠯᠡᠳᠪᠤᠷᠢ ᠶᠢᠨ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠲᠦᠷᠦᠯ ᠵᠦᠢᠯ ᠤᠨ ᠪᠠᠷᠢᠯᠭ᠎ᠠ ᠪᠠ ᠳᠦᠬᠦᠬᠡᠷᠦᠮᠵᠢ ᠤᠭᠰᠠᠷᠠᠬᠤ ᠠᠵᠢᠯ ᠢ ᠪᠡᠶᠡᠯᠡᠬᠦᠯᠦᠨ᠎ᠡ᠃ ᠰᠢᠯᠢ ᠶᠢᠨ ᠭᠤᠣᠯ ᠠᠶᠢᠮᠠᠭ ᠠᠴᠠ ᠲᠠᠶᠢᠵᠸᠣ ᠬᠦᠷᠬᠦ 800 ᠺᠢᠯᠣᠸᠣᠯᠲ ᠣᠨᠴᠠ ᠦᠨᠳᠦᠷ ᠲᠠᠷᠣᠯᠳᠠᠳᠣ ᠴᠠᠬᠢᠯᠭᠠᠨ ᠲᠠᠮᠵᠢᠭᠤᠯᠬᠤ ᠢᠨᠵᠧᠨᠧᠷᠢᠩ ᠤᠨ ᠲᠣᠭᠤᠷᠢᠨ ᠳᠤ ᠵᠦᠩ ᠳ᠋ᠢᠶᠠᠨ ᠲᠸᠣ ᠪᠦᠯᠦᠭᠯᠡᠯ ᠤᠨ 2 × 66  ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠵᠢᠴᠢ ᠪᠠᠶᠠᠩᠬᠤᠸᠠ ᠳᠠᠬᠢ ᠶᠢᠨ ᠱᠠᠨ 2 × 66 ᠲᠦᠮᠡᠨ ᠺᠢᠯᠣᠸᠠᠲ ᠎ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠪᠠ ᠵᠢᠶᠠᠩᠰᠤ ᠮᠤᠵᠢ ᠶᠢᠨ ᠡᠨᠧᠷᠬᠢ ᠶᠢᠨ ᠪᠡᠯᠡ ᠤᠷᠤᠭᠤᠯᠤᠯᠳᠠ ᠎ ᠶᠢᠨ ᠬᠢᠵᠠᠭᠠᠷᠳᠤ ᠺᠤᠮᠫᠠᠨᠢ ᠶᠢᠨ ᠡᠤ ᠵᠢᠶᠠᠨ ᠹᠠᠩ ᠳᠠᠬᠢ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ᠂ ᠳ᠋ᠠ ᠳᠠᠩ ᠪᠦᠯᠦᠭᠯᠡᠯ ᠤᠨ ᠡᠤ ᠵᠢᠶᠠᠨ ᠹᠠᠩ ᠳᠠᠬᠢ 2 ×66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠰᠢᠭᠤᠳ ᠴᠠᠬᠢᠯᠭᠠᠨ ᠬᠠᠩᠭᠠᠬᠤ ᠱᠤᠭᠤᠮ ᠤᠨ ᠲᠦᠷᠦᠯ ᠵᠦᠢᠯ ᠢ ᠢᠳᠡᠪᠬᠢᠳᠡᠢ ᠳᠦᠯᠬᠢᠨ ᠠᠬᠢᠭᠤᠯᠤᠨ᠎ᠠ᠃ ᠪᠠᠷᠠᠭᠤᠨ ᠦᠵᠣᠮᠣᠴᠢᠨ ᠬᠤᠰᠢᠭᠤᠨ ᠤ ᠶᠢᠨ ᠱᠠᠨ ᠴᠠᠬᠢᠯᠭᠠᠨ ᠭᠠᠷᠭᠠᠬᠤ ᠬᠢᠵᠠᠭᠠᠷᠳᠣ ᠺᠣᠮᠫᠠᠨᠢ ᠶᠢᠨ ᠬᠤᠶᠠᠳᠣᠭᠠᠷ ᠬᠤᠭᠤᠴᠠᠭᠠᠨ ᠤ 1×35 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠪᠠ ᠵᠢᠷ ᠤᠨ ᠭᠤᠤᠯ ᠬᠤᠶᠠᠳᠤᠭᠠᠷ ᠵᠠᠳᠠᠭᠠᠢ ᠨᠡᠬᠦᠷᠡᠰᠦᠨ ᠠᠭᠤᠷᠬᠠᠢ᠂ ᠬᠤᠣ ᠷᠦᠩ ᠨᠢᠺᠧᠯ ᠬᠠᠶᠢᠯᠤᠭᠤᠯᠤᠨ ᠪᠤᠯᠪᠠᠰᠤᠷᠠᠭᠤᠯᠬᠤ ᠲᠦᠷᠦᠯ ᠵᠦᠢᠯ ᠤᠨ ︽ᠨᠡᠬᠦᠷᠡᠰᠤ᠂ ᠴᠠᠬᠢᠯᠭᠠᠨ᠂ ᠬᠠᠶᠢᠯᠤᠭᠤᠯᠬᠤ︾᠎ ᠶᠢ ᠬᠠᠷᠢᠯᠴᠠᠨ ᠬᠠᠪᠰᠤᠷᠤᠯᠴᠠᠨ ᠰᠢᠭᠤᠳ ᠬᠠᠩᠭᠠᠬᠤ ᠶᠢ ᠪᠡᠶᠡᠯᠡᠬᠦᠯᠵᠦ᠂  ᠨᠡᠬᠦᠷᠡᠰᠤ  ᠂ ᠴᠠᠬᠢᠯᠭᠠᠨ᠂ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠬᠡᠯᠬᠢᠶᠡᠵᠢᠯ ᠢᠶᠠᠷ ᠨᠡᠮᠡᠭᠳᠡᠴᠡ ᠶᠢ ᠠᠬᠢᠭᠤᠯᠵᠦ᠂ ᠬᠠᠳᠠᠭᠠᠯᠠᠭᠳᠠᠴᠠ ᠶᠢ ᠰᠢᠢᠳᠪᠤᠷᠢᠯᠡᠨ᠎ᠡ᠃ ᠦᠩᠬᠡᠳᠤ ᠳᠡᠮᠦᠷᠯᠢᠭ ᠢ ᠰᠤᠩᠭᠤᠨ ᠬᠠᠶᠢᠯᠤᠭᠤᠯᠬᠤ ᠦᠢᠯᠡᠰ ᠤᠨ ᠬᠦᠭᠵᠢᠯᠳᠡ ᠶᠢᠨ ᠳᠦᠪᠰᠢᠨ ᠢ ᠳᠡᠬᠡᠭᠰᠢᠯᠡᠬᠦᠯᠵᠦ᠂ ᠬᠤᠣ ᠷᠦᠩ ᠪᠦᠯᠦᠭᠯᠡᠯ ᠤᠨ ᠵᠢᠯ ᠳᠤ 10 ᠲᠦᠮᠡᠨ ᠲᠣᠨ ᠨᠢᠺᠧᠯ ᠬᠠᠶᠢᠯᠣᠭᠤᠯᠣᠨ ᠪᠣᠯᠪᠠᠰᠣᠷᠠᠭᠤᠯᠬᠤ ᠲᠦᠷᠦᠯ ᠵᠦᠢᠯ᠂ ᠦᠪᠦᠷ ᠮᠣᠩᠭᠤᠯ ᠤᠨ ᠬᠢᠩᠭᠠᠨ ᠵᠡᠰ ᠴᠠᠶᠢᠷ ᠬᠠᠶᠢᠯᠣᠭᠤᠯᠣᠨ ᠪᠣᠯᠪᠠᠰᠣᠷᠠᠭᠤᠯᠬᠤ ᠲᠦᠷᠦᠯ ᠵᠦᠢᠯ ᠤᠨ ᠵᠢᠯ ᠳᠤ 10 ᠲᠦᠮᠡᠨ ᠲᠣᠨ ᠴᠠᠶᠢᠷ ᠬᠠᠶᠢᠯᠣᠭᠤᠯᠣᠨ ᠪᠣᠯᠪᠠᠰᠣᠷᠠᠭᠤᠯᠬᠤ ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠵᠢᠴᠢ 20 ᠳᠦᠮᠡᠨ ᠳᠤᠨ ᠠᠵᠦ ᠦᠢᠯᠡᠳᠪᠤᠷᠢ ᠎ ᠶᠢᠨ ᠬᠠᠶᠠᠭᠳᠠᠮᠠᠯ ᠪᠤᠳᠠᠰ ᠢ ᠰᠢᠢᠳᠪᠤᠷᠢᠯᠡᠬᠦ ᠳᠦᠷᠦᠯ ᠵᠦᠢᠯ᠂ ᠶᠢᠨ ᠮᠠᠨ ᠠᠭᠤᠷᠬᠠᠢ ᠶᠢᠨ ᠦᠢᠯᠡᠰ ᠤᠨ ᠪᠠᠶᠠᠨᠴᠠᠭᠠᠨ ᠎ ᠳᠠᠬᠢ ᠴᠠᠶᠢᠷ ᠦᠩᠬᠡᠳᠣ ᠲᠡᠮᠦᠷᠯᠢᠭ ᠢ ᠰᠣᠩᠭᠤᠨ ᠪᠣᠯᠪᠠᠰᠣᠷᠠᠭᠤᠯᠬᠤ ᠦᠢᠯᠡᠳᠪᠤᠷᠢ ᠶᠢᠨ ᠡᠳᠣᠷ ᠲᠤ 5000 ᠲᠣᠨ ᠠᠭᠤᠷᠬᠠᠢ ᠶᠢᠨ ᠴᠢᠯᠠᠭᠤ ᠶᠢ ᠰᠤᠩᠭᠤᠨ ᠰᠢᠢᠳᠪᠤᠷᠢᠯᠡᠬᠦ ᠲᠦᠷᠦᠯ ᠵᠦᠢᠯ ᠢ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠵᠦ᠂ ᠵᠦᠩ ᠳ᠋ᠢᠶᠠᠨ ᠲᠸᠤ ᠪᠦᠯᠦᠭᠯᠡᠯ ᠤᠨ ᠵᠢᠯ ᠳᠤ 80 ᠳᠦᠮᠡᠨ ᠳᠤᠨ ᠨᠠᠷᠢᠯᠢᠭᠵᠢᠭᠤᠯᠤᠭᠰᠠᠨ ᠬᠦᠩᠬᠡᠨ ᠴᠠᠭᠠᠨ ᠤ ᠬᠠᠪᠳᠠᠰᠤ  ︵ᠨᠢᠬᠡᠳᠦᠬᠡᠷ ᠬᠤᠭᠤᠴᠠᠭᠠᠨ ᠤ 40 ᠳᠦᠮᠡᠨ ᠳᠤᠨ︶ ᠦᠢᠯᠡᠳᠪᠤᠷᠢᠯᠡᠬᠦ ᠵᠢᠴᠢ ᠬᠠᠮᠢᠶᠠᠳᠠᠢ ᠬᠦᠳᠡᠯᠬᠡᠬᠦᠷ ᠢ ᠠᠰᠢᠭᠯᠠᠨ 2×35 ᠳᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠳᠦᠷᠦᠯ ᠵᠦᠢᠯ ᠢ ᠠᠵᠢᠯ ᠡᠬᠢᠯᠡᠬᠦᠯᠦᠨ᠂ ᠶᠢᠨ ᠲᠠᠢ ᠪᠦᠯᠦᠭᠯᠡᠯ᠂  ᠬᠤᠸᠠ ᠷᠦᠨ ᠡᠤ ᠹᠧᠩ ᠺᠤᠮᠫᠠᠨᠢ ᠶᠢᠨ ᠳᠦᠷᠦᠯ ᠵᠦᠢᠯ ᠢ ᠪᠦᠳᠦᠬᠡᠨ ᠪᠠᠶᠢᠭᠤᠯᠤᠨ᠎ᠠ᠃ ᠰᠢᠨ᠎ᠡ ᠡᠨᠧᠷᠬᠢ ᠶᠢ ᠳᠤᠭᠳᠠᠭᠤᠨ ᠬᠦᠭᠵᠢᠬᠦᠯᠵᠦ᠂ ᠳ᠋ᠠ ᠳᠠᠩ ᠬᠤᠸᠠ ᠶᠢᠨ ᠰᠢᠨ ᠵᠧᠩ ᠬᠤᠶᠠᠳᠣᠭᠠᠷ ᠬᠤᠭᠤᠴᠠᠭᠠᠨ ᠤ 4.95 ᠲᠦᠮᠡᠨ ᠺᠢᠯᠣᠸᠠᠲ᠂ ᠶᠢᠨ ᠱᠠᠨ ᠬᠤᠸᠠ ᠶᠠᠩ ᠪᠦᠯᠦᠭᠯᠡᠯ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ 4.95 ᠲᠦᠮᠡᠨ ᠺᠢᠯᠣᠸᠠᠲ ᠶᠢᠨ ᠮᠠᠰᠢᠨ ᠴᠤᠭᠴᠠᠯᠠᠪᠤᠷᠢ ᠶᠢᠨ ᠲᠦᠷᠦᠯ ᠵᠦᠢᠯ ᠎ ᠢ ᠠᠵᠢᠯ ᠡᠬᠢᠯᠡᠬᠦᠯᠦᠨ ᠪᠦᠳᠦᠬᠡᠨ ᠪᠠᠶᠢᠭᠤᠯᠤᠨ᠎ᠠ᠃ ᠰᠢᠤᠢ ᠬᠦᠩ ᠪᠦᠯᠦᠭᠯᠡᠯ᠂ ᠬᠤᠪᠴᠠᠰᠤᠨ ᠤ ᠦᠢᠯᠡᠳᠪᠤᠷᠢ᠂ ᠦᠯᠦᠨ ᠬᠡᠳᠡᠰᠦᠨ ᠤ ᠦᠢᠯᠡᠳᠪᠤᠷᠢ᠂ ᠵᠦᠭᠠᠩ ᠬᠠᠪᠳᠠᠰᠤ ᠶᠢᠨ ᠦᠢᠯᠡᠳᠪᠤᠷᠢ᠂ ᠢᠯᠭᠠᠷᠠᠭᠤᠯᠤᠭᠰᠠᠨ ᠨᠡᠬᠦᠷᠡᠰᠤᠨ ᠤ ᠦᠨᠡᠰᠦ ᠶᠢ ᠶᠡᠷᠤᠩᠬᠡᠶᠢᠯᠡᠨ ᠠᠰᠢᠭᠯᠠᠬᠤ᠂ ᠢᠯᠴᠢ ᠪᠠᠷ ᠴᠠᠬᠢᠯᠭᠠᠨ ᠭᠠᠷᠭᠠᠬᠤ᠂ ᠬᠡᠷᠡᠯ ᠢᠶᠠᠷ ᠴᠠᠬᠢᠯᠭᠠᠨ ᠭᠠᠷᠭᠠᠬᠤ ᠵᠡᠷᠬᠡ ᠭᠤᠤᠯᠳᠠᠯᠭ᠎ᠠ ᠲᠠᠢ ᠠᠷᠠᠯᠵᠢᠶᠠᠴᠢᠨ ᠤᠷᠢᠬᠤ ᠳᠦᠷᠦᠯ ᠵᠦᠢᠯ ᠢ ᠦᠷᠬᠦᠯᠵᠢᠯᠡᠨ ᠮᠦᠷᠳᠡᠨ ᠠᠬᠢᠭᠤᠯᠤᠨ᠎ᠠ᠃ ᠡᠬᠦᠨ ᠤ ᠬᠠᠮᠳᠤ᠂ ᠠᠷᠠᠯᠵᠢᠶᠠᠴᠢᠨ ᠤᠷᠢᠵᠦ ᠪᠡᠯᠡ ᠳᠠᠳᠠᠬᠤ ᠡᠷᠴᠢᠮ ᠢᠶᠠᠨ ᠨᠡᠮᠡᠭᠳᠡᠬᠦᠯᠵᠦ᠂ ᠬᠦᠷᠦᠩᠬᠡ ᠤᠷᠤᠭᠤᠯᠤᠯᠳᠠ ᠪᠠ ᠴᠢᠳᠠᠪᠤᠷᠢᠳᠠᠨ ᠤ ᠳᠠᠪᠠᠭᠤᠯᠢᠭ ᠢᠶᠠᠷ ᠴᠢᠩᠭ᠎ᠠ ᠳᠤᠮᠤ ᠬᠡᠯᠪᠡᠷᠢ ᠶᠢᠨ ᠠᠵᠤ ᠠᠬᠤᠶᠢᠯᠠᠯ ᠢ ᠤᠷᠢᠨ ᠤᠷᠤᠭᠤᠯᠬᠤ ᠪᠠᠷ ᠴᠢᠷᠮᠠᠶᠢᠵᠦ᠂ ᠠᠵᠤ ᠠᠬᠤᠢ ᠶᠢᠨ ᠬᠦᠭᠵᠢᠯᠳᠡ ᠳᠤ ᠰᠢᠨ᠎ᠡ ᠬᠦᠴᠦᠨ ᠨᠡᠮᠡᠷᠢᠯᠡᠨ᠎ᠡ᠃ ᠠᠵᠦ ᠦᠢᠯᠡᠳᠪᠤᠷᠢ ᠶᠢᠨ ᠳᠤᠭᠤᠷᠢᠭ ᠢ ᠳᠡᠰᠵᠢᠬᠦᠯᠬᠦ ᠠᠵᠢᠯ ᠢ ᠰᠠᠶᠢᠳᠤᠷ ᠬᠢᠵᠦ᠂ ᠪᠠᠶᠠᠩᠬᠤᠸᠠ ᠶᠢᠨ ᠨᠡᠬᠦᠷᠡᠰᠦᠨ ᠠᠭᠤᠷᠬᠠᠢ ᠶᠢᠨ ᠶᠡᠷᠤᠩᠬᠡᠢ ᠴᠤᠭᠴᠠ ᠶᠢᠨ ᠳᠦᠯᠦᠪᠵᠢᠬᠦᠯᠬᠡ ᠶᠢ ᠵᠠᠰᠠᠨ ᠨᠠᠶᠢᠷᠠᠭᠤᠯᠵᠣ ᠲᠠᠭᠤᠰᠬᠠᠬᠤ ᠶᠢᠨ ᠬᠠᠮᠳᠣ ᠡᠤ ᠵᠢᠶᠠᠨ ᠹᠠᠩ ᠤᠷᠴᠢᠯᠳᠤ ᠠᠵᠤ ᠠᠬᠤᠢ ᠶᠢᠨ ᠵᠢᠱᠢᠶᠡᠴᠢ ᠠᠵᠤ ᠦᠢᠯᠡᠰ ᠤᠨ ᠰᠠᠭᠤᠷᠢᠨ ᠭᠠᠵᠠᠷ ᠤᠨ ᠶᠡᠷᠤᠩᠬᠡᠢ ᠴᠤᠭᠴᠠ ᠶᠢᠨ ᠳᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠢᠳᠡᠪᠬᠢᠳᠡᠢ ᠦᠷᠨᠢᠬᠦᠯᠦᠨ᠂ ᠠᠵᠤ ᠠᠬᠤᠢ ᠨᠡᠶᠢᠬᠡᠮ ᠎ ᠤᠨ ᠬᠤᠶᠢᠰᠢᠳᠡ ᠶᠢᠨ ᠬᠦᠭᠵᠢᠯᠳᠡ ᠳᠤ ᠰᠠᠭᠤᠷᠢ ᠳᠠᠯᠪᠢᠨ᠎ᠠ᠃ ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ ᠎ ᠤᠨ ᠠᠵᠤ ᠦᠢᠯᠡᠳᠪᠤᠷᠢ ᠶᠢᠨ ᠬᠠᠶᠠᠭᠳᠠᠮᠠᠯ ᠪᠤᠳᠠᠰ ᠤᠨ ᠳᠠᠯᠠᠪᠠᠢ ᠶᠢᠨ ᠪᠦᠳᠦᠬᠡᠨ ᠪᠠᠶᠢᠭᠤᠯᠤᠯᠳᠠ ᠶᠢᠨ ᠳᠦᠷᠦᠯ ᠵᠦᠢᠯ ᠢ ᠠᠬᠢᠭᠤᠯᠤᠨ᠎ᠠ᠃ ᠵᠢᠨᠵᠸᠤ ᠭᠠᠷᠠᠮ᠂ ᠵᠢᠨᠵᠸᠤ ᠠᠴᠠ ᠪᠠᠶᠠᠩᠬᠤᠸᠠ ᠬᠦᠷᠬᠦ ᠳᠡᠮᠦᠷ ᠵᠠᠮ ᠪᠠ ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ ᠵᠡᠷᠬᠡ ᠭᠤᠷᠪᠠᠨ ᠲᠠᠯ᠎ᠠ ᠶᠢ ᠬᠠᠷᠢᠯᠴᠠᠨ ᠵᠠᠯᠭᠠᠯᠳᠤᠬᠤ ᠶᠢ ᠪᠡᠶᠡᠯᠡᠬᠦᠯᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ ᠤᠨ ᠪᠠᠶᠠᠩᠬᠤᠸᠠ ᠡᠬᠡ ᠬᠠᠭᠤᠷᠠᠢ ᠶᠢᠨ ᠭᠠᠷᠠᠮ ᠤᠨ ᠪᠦᠳᠦᠬᠡᠨ ᠪᠠᠶᠢᠭᠤᠯᠤᠯᠳᠠ ᠶᠢ ᠳᠦᠯᠬᠢᠨ ᠠᠬᠢᠭᠤᠯᠤᠨ᠎ᠠ᠃       ᠬᠠᠩᠭᠠᠯᠠᠭ᠎ᠠ ᠶᠢᠨ ᠲᠠᠯ᠎ᠠ ᠳᠠᠬᠢ ᠪᠦᠳᠦᠴᠡ ᠶᠢᠨ ᠴᠢᠨᠠᠷᠳᠠᠢ ᠦᠬᠡᠷᠡᠴᠢᠯᠡᠯᠳᠠ ᠪᠣᠯᠬᠤ ︽ᠢᠯᠡᠬᠦᠴᠡ ᠦᠢᠯᠡᠳᠪᠦᠷᠢ ᠶᠢᠨ ᠴᠢᠳᠠᠪᠦᠷᠢ ᠶᠢ ᠰᠢᠭᠰᠢᠭᠳᠡᠬᠦᠯᠬᠦ᠂ ᠬᠠᠳᠠᠭᠠᠯᠠᠮᠵᠢ ᠶᠢ ᠦᠢᠬᠡᠶᠢᠰᠬᠡᠬᠦ᠂ ᠬᠦᠰᠢᠬᠦᠷᠬᠡ ᠶᠢ ᠦᠬᠡᠶᠢᠰᠬᠡᠬᠦ᠂ ᠦᠪᠡᠷ ᠤᠨ ᠦᠷᠳᠡᠭ ᠢ ᠪᠠᠭᠤᠷᠠᠭᠤᠯᠬᠤ᠂ ᠲᠣᠳᠠᠭᠳᠠᠯ ᠢᠶᠠᠨ ᠨᠦᠬᠦᠪᠦᠷᠢᠯᠡᠬᠦ︾ ᠵᠡᠷᠬᠡ ᠲᠠᠪᠣᠨ ᠶᠡᠭᠡ ᠡᠬᠦᠷᠬᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠰᠢᠨ᠎ᠡ ᠬᠦᠭᠵᠢᠯᠳᠡ ᠶᠢᠨ ᠬᠦᠳᠡᠯᠬᠡᠭᠴᠢ ᠬᠦᠴᠦᠨ ᠢ ᠪᠤᠵᠠᠭᠠᠶᠢᠷᠠᠭᠤᠯᠤᠨ᠎ᠠ᠃ ᠣᠯᠣᠰ᠂ ᠦᠪᠡᠷᠳᠡᠭᠡᠨ ᠵᠠᠰᠠᠬᠤ ᠣᠷᠣᠨ ᠤ ᠲᠣᠷᠠᠳᠣᠭᠰᠠᠨ ᠬᠠᠩᠭᠠᠯᠠᠭ᠎ᠠ ᠶᠢᠨ ᠲᠠᠯ᠎ᠠ ᠳᠠᠬᠢ ᠪᠦᠳᠦᠴᠡ ᠶᠢᠨ ᠴᠢᠨᠠᠷᠳᠠᠢ ᠦᠬᠡᠷᠡᠴᠢᠯᠡᠯᠳᠠ ᠶᠢᠨ ᠶᠡᠷᠦᠩᠬᠡᠶᠢᠯᠡᠭᠰᠡᠨ ᠲᠦᠷᠦ ᠶᠢᠨ ᠪᠣᠳᠣᠯᠭ᠎ᠠ ᠶᠢ ᠰᠠᠶᠢᠳᠣᠷ ᠠᠳᠬᠤᠨ ᠬᠡᠷᠡᠭᠵᠢᠬᠦᠯᠵᠣ᠂ ᠲᠠᠪᠠᠭᠤᠯᠢᠭ ᠣᠨᠴᠠᠯᠢᠭᠳᠣ ᠠᠵᠣ ᠦᠢᠯᠡᠰ ᠤᠨ ᠬᠦᠭᠵᠢᠯᠳᠠ ᠪᠣᠯᠣᠨ ᠢᠯᠡᠬᠦᠴᠡ ᠦᠢᠯᠡᠳᠪᠦᠷᠢ ᠶᠢᠨ ᠴᠢᠳᠠᠪᠦᠷᠢ ᠶᠢ ᠰᠢᠭᠰᠢᠭᠳᠡᠬᠦᠯᠬᠦ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠨ᠂ ᠬᠤᠴᠣᠷᠣᠩᠭᠤᠢ ᠢᠯᠡᠬᠦᠴᠡ ᠦᠢᠯᠡᠳᠪᠦᠷᠢ ᠶᠢᠨ ᠴᠢᠳᠠᠪᠦᠷᠢ ᠶᠢ ᠡᠷᠡᠰ ᠲᠠᠶᠠᠭᠳᠠᠨ᠎ᠠ᠃ ᠪᠦᠬᠦ ᠬᠤᠰᠢᠭᠤᠨ ᠤ ᠡᠬᠢ ᠪᠠᠶᠠᠯᠢᠭ ᠤᠨ ᠲᠦᠷᠦᠯ ᠤᠨ ᠠᠵᠣ ᠠᠬᠤᠶᠢᠯᠠᠯ ᠢ ᠨᠠᠷᠢᠨ ᠬᠢᠨᠠᠮᠠᠭᠠᠢ ᠪᠠᠶᠢᠴᠠᠭᠠᠵᠣ᠂ ᠪᠤᠳᠠᠳᠤ ᠪᠠᠶᠢᠳᠠᠯ ᠢ ᠨᠢ ᠣᠶᠢᠯᠭᠠᠨ᠂ ᠲᠦᠷᠦᠯ ᠠᠩᠬᠢᠯᠠᠨ ᠠᠬᠢᠭᠤᠯᠬᠤ ᠠᠷᠭ᠎ᠠ ᠠᠪᠴᠢᠯ ᠲᠣᠷᠠᠳᠣᠨ᠂ ᠮᠡᠷᠬᠡᠵᠢᠯ ᠢ ᠨᠢ ᠦᠬᠡᠷᠡᠴᠢᠯᠡᠨ ᠲᠡᠰᠵᠢᠬᠦᠯᠬᠦ  ᠂ ᠲᠠᠬᠢᠨ ᠴᠣᠭᠴᠠᠯᠠᠨ ᠨᠢᠬᠡᠳᠣᠬᠦᠯᠬᠦ᠂ ᠲᠦᠪ ᠴᠢᠩᠭ᠎ᠠ ᠪᠠᠷᠢᠮᠵᠢᠶ᠎ᠠ ᠪᠠᠷ ᠰᠢᠭᠰᠢᠬᠦ᠂ ᠲᠦᠷᠦ ᠶᠢᠨ ᠪᠣᠳᠣᠯᠭ᠎ᠠ ᠪᠠᠷ ᠲᠡᠮᠵᠢᠬᠦ ᠪᠠᠷ ᠲᠠᠮᠵᠢᠨ ︽ᠢᠯᠡᠬᠦᠴᠡ ᠦᠢᠯᠡᠳᠪᠦᠷᠢ ᠶᠢᠨ ᠴᠢᠳᠠᠪᠦᠷᠢ ᠶᠢ ᠰᠢᠭᠰᠢᠭᠳᠡᠬᠦᠯᠬᠦ︾ ᠠᠵᠢᠯ ᠢ ᠲᠣᠭᠳᠠᠭᠤᠨ ᠢᠶᠠᠷ ᠡᠮᠬᠢ ᠲᠠᠷᠠᠭᠠᠯᠠᠯ ᠲᠠᠢ ᠪᠠᠷ ᠰᠠᠶᠢᠳᠣᠷ ᠬᠢᠨ᠎ᠠ᠃     ᠣᠯᠠᠨ ᠠᠷᠭ᠎ᠠ ᠠᠪᠴᠢᠯ ᠢ ᠠᠪᠴᠣ ᠠᠵᠣ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠦᠷᠳᠡᠭ ᠢ ᠨᠢ ᠪᠠᠭᠤᠷᠠᠭᠤᠯᠣᠨ᠎ᠠ᠃  ᠪᠣᠳᠠᠳᠣ ᠠᠵᠣ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠦᠷᠳᠡᠭ ᠢ ᠪᠠᠭᠤᠷᠠᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠣ᠂ ᠵᠠᠰᠠᠭ ᠤᠨ ᠶᠠᠪᠣᠳᠠᠯ ᠢ ᠴᠣᠮᠬᠠᠳᠬᠠᠨ ᠡᠷᠬᠡ ᠶᠢ ᠨᠢ ᠲᠠᠯᠪᠢᠬᠤ᠂ ᠮᠦᠩᠬᠦᠨ ᠬᠦᠢᠯᠬᠡᠬᠡᠨ ᠤ ᠳᠡᠮᠵᠢᠯᠬᠡ᠂ ᠬᠦᠢᠯᠬᠡᠬᠡᠨ ᠤ ᠰᠢᠰᠲ᠋ᠧᠮ ᠪᠠ ᠴᠠᠬᠢᠯᠭᠠᠨ ᠤ ᠦᠨ᠎ᠡ ᠶᠢ ᠵᠠᠬ᠎ᠠ ᠲᠡᠯᠬᠡᠬᠦᠷᠵᠢᠬᠦᠯᠦᠨ ᠦᠬᠡᠷᠡᠴᠢᠯᠡᠬᠦ ᠵᠢᠴᠢ ᠲᠣᠭᠳᠠᠭᠠᠯ ᠶᠣᠰᠣᠭᠠᠷ ᠭᠠᠶᠢᠯᠢ ᠶᠢ ᠨᠢ ᠪᠠᠭᠠᠰᠬᠠᠬᠤ ᠵᠡᠷᠭᠡ ᠲᠦᠷᠦ ᠶᠢᠨ ᠪᠣᠳᠣᠯᠭ᠎ᠠ ᠲᠣᠭᠳᠠᠭᠠᠬᠤ ᠪᠠᠷ ᠲᠠᠮᠵᠢᠨ ᠠᠵᠣ ᠠᠬᠤᠶᠢᠯᠠᠯ ᠤᠨ ᠰᠣᠯᠢᠯᠴᠠᠭ᠎ᠠ᠂ ᠬᠦᠮᠦᠨ ᠤ ᠬᠦᠴᠦᠨ᠂ ᠡᠳ᠋ ᠤᠨ ᠶᠠᠪᠣᠳᠠᠯ᠂ ᠪᠣᠳᠠᠰ ᠤᠨ ᠬᠦᠢᠯᠬᠡᠬᠡᠨ ᠤ ᠦᠪᠡᠷ ᠤᠨ ᠦᠷᠳᠡᠭ ᠢ ᠪᠠᠭᠤᠷᠠᠭᠤᠯᠬᠤ ᠶᠢᠨ ᠬᠠᠮᠳᠣ ᠭᠠᠶᠢᠯᠢ ᠶᠢᠨ ᠲᠠᠷᠣᠭᠠᠰᠣ ᠶᠢ ᠨᠢ ᠬᠦᠩᠬᠡᠯᠡᠨ᠂ ᠠᠵᠣ ᠠᠬᠤᠶᠢᠯᠠᠯ ᠤᠨ ᠦᠷᠢᠰᠦᠯᠳᠦᠬᠦ ᠬᠦᠴᠦᠨ᠂ ᠠᠰᠢᠭ ᠣᠯᠬᠤ ᠴᠢᠳᠠᠪᠦᠷᠢ ᠪᠠ ᠬᠦᠭᠵᠢᠯᠳᠠ ᠶᠢᠨ ᠨᠦᠬᠡᠴᠡ ᠬᠦᠴᠦᠨ ᠢ ᠨᠢ ᠨᠡᠮᠡᠭᠳᠡᠬᠦᠯᠦᠨ᠎ᠡ᠃ ᠠᠵᠤ ᠠᠬᠤᠶᠢᠯᠠᠯ ᠤᠨ ᠡᠷᠬᠢᠯᠳᠡ ᠪᠠ ᠬᠡᠪᠴᠢᠶᠡᠵᠢᠬᠦᠯᠬᠦ ᠶᠢ ᠰᠠᠶᠢᠳᠤᠷ ᠠᠳᠬᠤᠵᠤ᠂ ᠤᠯᠠᠨ ᠤᠯᠤᠰ ᠤᠨ ᠰᠢᠨ᠎ᠡ ᠡᠨᠧᠷᠬᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂ ᠶᠢᠨ ᠮᠠᠨ ᠠᠭᠤᠷᠬᠠᠢ ᠶᠢᠨ ᠦᠢᠯᠡᠰ ᠤᠨ ᠪᠠᠶᠠᠨᠴᠠᠭᠠᠨ ᠳᠠᠬᠢ ᠦᠩᠬᠡᠳᠣ ᠲᠡᠮᠦᠷᠯᠢᠭ ᠢ ᠰᠣᠩᠭᠤᠨ ᠪᠣᠯᠪᠠᠰᠣᠷᠠᠭᠤᠯᠬᠤ ᠲᠦᠷᠦᠯ ᠵᠦᠢᠯ᠂ ᠬᠢᠷᠢᠨ ᠮᠣᠵᠢ ᠶᠢᠨ ᠬᠤᠣ ᠷᠦᠩ ᠪᠦᠯᠦᠭᠯᠡᠯ ᠤᠨ ᠨᠢᠺᠧᠯ ᠬᠠᠶᠢᠯᠤᠭᠤᠯᠤᠨ ᠪᠤᠯᠪᠠᠰᠤᠷᠠᠭᠤᠯᠬᠤ ᠳᠦᠷᠦᠯ ᠵᠦᠢᠯ ᠤᠨ ᠤᠷᠤᠭᠰᠢᠳᠠᠢ ᠬᠡᠪᠴᠢᠶᠡᠵᠢᠬᠦ ᠶᠢ ᠪᠡᠶᠡᠯᠡᠬᠦᠯᠦᠨ᠎ᠡ᠃ 2016 ᠤᠨ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 70 ᠳ᠋ᠦᠩᠰᠢᠭᠤᠷ ᠲᠦᠬᠦᠷᠢᠭ ᠲᠤ ᠬᠦᠷᠬᠡᠨ᠂ 7.2%᠎ ᠪᠠᠷ ᠨᠡᠮᠡᠭᠳᠡᠬᠦᠯᠵᠦ᠂ ᠬᠦᠷᠡᠩ ᠨᠡᠬᠦᠷᠡᠰᠦ 3900 ᠲᠦᠮᠡᠨ ᠲᠤᠨ ᠦᠢᠯᠡᠳᠪᠦᠷᠢᠯᠡᠨ᠂ 12%᠎ ᠪᠠᠷ ᠨᠡᠮᠡᠭᠳᠡᠬᠦᠯᠦᠨ᠎ᠡ︔ 16000 ᠲᠤᠨ ᠬᠠᠷ᠎ᠠ ᠲᠤᠭᠤᠯᠭ᠎ᠠ ᠂ 25000 ᠲᠤᠨ ᠴᠠᠶᠢᠷ᠂ 3600 ᠲᠤᠨ ᠵᠡᠰ᠂ 220 ᠲᠤᠨ ᠮᠦᠩᠬᠦ᠂ 2000 ᠲᠤᠨ ᠴᠠᠭᠠᠨ ᠲᠤᠭᠤᠯᠭ᠎ᠠ ᠰᠤᠩᠭᠤᠨ ᠪᠤᠯᠪᠠᠰᠤᠷᠠᠭᠤᠯᠵᠤ᠂  ᠴᠦᠮ ᠨᠢᠳᠦᠨᠤᠨ ᠤ ᠠᠳᠠᠯᠢ ᠬᠤᠭᠤᠴᠠᠭ᠎ᠠ ᠲᠠᠢ ᠨᠢ ᠲᠡᠩᠴᠡᠬᠦᠦ ᠪᠠᠶᠢᠯᠭᠠᠨ᠎ᠠ︔ 11 ᠳᠦᠮᠡᠨ ᠳᠤᠨ ᠴᠠᠶᠢᠷ ᠤᠨ ᠬᠡᠰᠡᠭ ᠬᠠᠶᠢᠯᠤᠭᠤᠯᠤᠨ ᠪᠤᠯᠪᠠᠰᠤᠷᠠᠭᠤᠯᠵᠦ᠂ ᠨᠢᠳᠦᠨᠤᠨ ᠤ ᠠᠳᠠᠯᠢ ᠬᠤᠭᠤᠴᠠᠭ᠎ᠠ ᠎ ᠲᠠᠢ ᠨᠢ ᠲᠡᠩᠴᠡᠬᠦᠦ ᠪᠠᠶᠢᠯᠭᠠᠨ᠎ᠠ︔ 1 ᠲᠦᠮᠡᠨ ᠲᠤᠨ ᠨᠢᠺᠧᠯ ᠬᠠᠶᠢᠯᠤᠭᠤᠯᠤᠨ ᠪᠤᠯᠪᠠᠰᠤᠷᠠᠭᠤᠯᠤᠨ᠎ᠠ︔ 69 ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠵᠤ᠂ 3.6%᠎ ᠪᠠᠷ ᠨᠡᠮᠡᠭᠳᠡᠬᠦᠯᠦᠨ᠎ᠡ︔ 5 ᠳ᠋ᠦᠩᠰᠢᠭᠤᠷ ᠺᠢᠯᠤᠸᠠᠲ ᠴᠠᠭ ᠴᠠᠬᠢᠯᠭᠠᠨ ᠬᠠᠩᠭᠠᠵᠤ᠂ ᠨᠢᠳᠦᠨᠤᠨ ᠤ ᠠᠳᠠᠯᠢ ᠬᠤᠭᠤᠴᠠᠭ᠎ᠠ ᠲᠠᠢ ᠨᠢ ᠲᠡᠩᠴᠡᠬᠦᠦ ᠪᠠᠶᠢᠯᠭᠠᠨ᠎ᠠ︔ 38 ᠲᠦᠮᠡᠨ ᠲᠤᠨ ᠱᠦᠢᠨᠢ ᠦᠢᠯᠡᠳᠪᠦᠷᠢᠯᠡᠵᠦ᠂ ᠨᠢᠳᠦᠨᠤᠨ ᠤ ᠠᠳᠠᠯᠢ ᠬᠤᠭᠤᠴᠠᠭ᠎ᠠ ᠲᠠᠢ ᠨᠢ ᠲᠡᠩᠴᠡᠬᠦᠦ ᠪᠠᠶᠢᠯᠭᠠᠨ᠎ᠠ︔ 2 ᠲᠦᠮᠡᠨ ᠲᠤᠨ ᠤᠰᠤᠳᠦ᠋ᠷᠦᠭᠴᠢᠳᠣ ᠹᠯᠤᠷ ᠤᠨ ᠬᠦᠴᠢᠯ ᠦᠢᠯᠡᠳᠪᠦᠷᠢᠯᠡᠵᠦ᠂ 25%᠎ ᠪᠠᠷ ᠨᠡᠮᠡᠭᠳᠡᠬᠦᠯᠦᠨ᠎ᠡ᠃     ᠬᠤᠶᠠᠷ ᠲᠤ᠂ ᠤᠯᠤᠰ ᠤᠨ ᠴᠢᠬᠤᠯᠠ ᠪᠤᠯᠬᠤ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠶᠢ ᠡᠳ᠋ᠰᠢᠯᠡᠬᠦᠯᠦᠨ ᠪᠤᠯᠪᠠᠰᠤᠷᠠᠭᠤᠯᠵᠤ ᠭᠠᠳᠠᠭᠰᠢᠭᠤᠯᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠬᠤ ᠪᠠᠷ ᠬᠠᠷᠠᠯᠳᠠ ᠪᠤᠯᠭᠠᠵᠤ᠂ ᠤᠯᠠᠮᠵᠢᠯᠠᠯᠳᠤ ᠮᠠᠯ ᠠᠵᠤ ᠠᠬᠤᠢ ᠶᠢ ᠤᠳᠤᠬᠢᠴᠢᠯᠠᠭᠰᠠᠨ ᠮᠠᠯ ᠠᠵᠤ ᠠᠬᠤᠢ ᠵᠦᠭ ᠬᠤᠪᠢᠷᠠᠭᠤᠯᠣᠨ᠎ᠠ᠃ ᠮᠠᠯ ᠤᠨ ᠪᠦᠳᠦᠬᠡᠭᠳᠡᠬᠦᠨ ᠢ ᠶᠡᠷᠦᠩᠬᠡᠶᠢᠯᠡᠨ ᠦᠢᠯᠡᠳᠪᠦᠷᠢᠯᠡᠬᠦ ᠴᠢᠳᠠᠪᠤᠷᠢ ᠶᠢ ᠲᠤᠭᠳᠠᠭᠤᠨ ᠢᠶᠠᠷ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠤ᠂ ᠮᠠᠯ ᠤᠨ ᠡᠬᠦᠯᠳᠡᠷ ᠰᠠᠶᠢᠵᠢᠷᠠᠭᠤᠯᠤᠯᠳᠠ ᠪᠠ  ᠪᠦᠳᠦᠴᠡ ᠶᠢᠨ ᠳᠤᠬᠢᠷᠠᠭᠤᠯᠤᠯᠳᠠ ᠶᠢ ᠳᠦᠷᠬᠡᠳᠬᠡᠨ᠂ ︽ᠪᠤᠭ ᠮᠠᠯ ᠢ ᠰᠢᠯᠢᠳᠡᠭᠵᠢᠬᠦᠯᠦᠨ᠂ ᠪᠤᠳᠠ ᠮᠠᠯ ᠢ ᠨᠡᠮᠡᠭᠳᠡᠬᠦᠯᠵᠣ︾᠂ ᠵᠠᠬ᠎ᠠ ᠳᠡᠯᠬᠡᠬᠦᠷ ᠤᠨ ᠡᠷᠡᠰᠳᠡᠯ ᠠᠴᠠ ᠵᠠᠶᠢᠯᠠᠰᠬᠢᠨ᠂ ᠰᠠᠶᠢᠨ ᠡᠬᠦᠯᠳᠡᠷ ᠤᠨ ᠮᠢᠬᠠᠨ ᠤ ᠦᠬᠡᠷ ᠤᠨ ᠠᠵᠤ ᠦᠢᠯᠡᠰᠵᠢᠯᠳᠡ ᠶᠢᠨ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠢᠮᠧᠨ᠋ᠲ᠋ᠧᠷ ᠦᠬᠡᠷ᠂ ᠱᠠᠷᠦ᠋ᠯᠠᠢ ᠦᠬᠡᠷ ᠤᠨ ᠭᠤᠤᠯᠳᠠᠯᠭᠠᠳᠤ ᠰᠦᠷᠦᠭ ᠤᠨ ᠪᠠᠶᠢᠭᠤᠯᠤᠯᠳᠠ ᠶᠢ ᠴᠢᠩᠭᠠᠳᠬᠠᠵᠦ᠂ ᠴᠡᠪᠡᠷ ᠡᠬᠦᠯᠳᠡᠷ ᠤᠨ ᠠᠩᠭᠧᠰ ᠮᠢᠬᠠᠨ ᠤ ᠦᠬᠡᠷ ᠢ ᠭᠠᠳᠠᠨ᠎ᠠ ᠎ ᠠᠴᠠ ᠤᠷᠤᠭᠤᠯᠬᠤ ᠪᠠ ᠪᠤᠶᠢᠵᠢᠭᠤᠯᠬᠤ ᠠᠵᠢᠯ ᠢ ᠠᠬᠢᠭᠤᠯᠵᠦ᠂ ᠮᠠᠯᠴᠢᠳ ᠢ ᠵᠢᠯᠤᠭᠤᠳᠤᠨ᠂ ᠡᠬᠦᠯᠳᠡᠷ ᠰᠠᠶᠢᠵᠢᠷᠠᠭᠤᠯᠤᠭᠰᠠᠨ ᠦᠨᠢᠶ᠎ᠡ ᠶᠢ ᠠᠷᠠᠴᠢᠯᠠᠨ ᠬᠠᠮᠠᠭᠠᠯᠠᠬᠤ ᠪᠠ ᠦᠷ᠎ᠡ ᠶᠢᠨ ᠮᠠᠯ ᠢ ᠪᠤᠶᠢᠵᠢᠭᠤᠯᠬᠤ ᠶᠢ ᠴᠢᠩᠭᠠᠳᠬᠠᠨ᠎ᠠ᠃ ᠦᠵᠦᠮᠦᠴᠢᠨ ᠬᠤᠨᠢᠨ ᠤ ᠡᠬᠦᠯᠳᠡᠷ ᠢ ᠴᠡᠪᠡᠷᠰᠢᠬᠦᠯᠦᠨ ᠴᠤᠯᠠᠰᠢᠭᠤᠯᠬᠤ ᠵᠢᠴᠢ ᠠᠵᠤ ᠦᠢᠯᠡᠰᠵᠢᠯᠳᠡ ᠶᠢᠨ ᠬᠦᠭᠵᠢᠯᠳᠡ ᠶᠢ ᠰᠠᠶᠢᠳᠤᠷ ᠠᠳᠬᠤᠵᠦ᠂  ᠬᠤᠴᠠ ᠪᠤᠶᠢᠵᠢᠭᠤᠯᠬᠤ ᠳᠤᠰᠬᠠᠢ ᠡᠷᠦᠬᠡ ᠪᠠ ᠪᠠᠷᠢᠮᠵᠢᠶᠠᠵᠢᠭᠰᠠᠨ ᠰᠦᠷᠦᠭ ᠤᠨ ᠪᠠᠶᠢᠭᠤᠯᠤᠯᠳᠠ ᠶᠢ ᠴᠢᠩᠭᠠᠳᠬᠠᠨ᠎ᠠ᠃  ᠬᠦᠨᠳᠤ ᠶᠡᠭᠡ ᠠᠮᠢᠳᠠᠨ ᠤ ᠬᠢᠵᠢᠭ ᠢ ᠪᠦᠬᠦ ᠲᠠᠯ᠎ᠠ ᠪᠠᠷ ᠰᠡᠷᠬᠡᠶᠢᠯᠡᠨ᠂ ᠮᠠᠯ ᠤᠨ ᠬᠢᠵᠢᠭ ᠬᠡᠮ ᠢ ᠬᠤᠷᠢᠭᠯᠠᠨ ᠰᠡᠷᠬᠡᠶᠢᠯᠡᠬᠦ ᠠᠵᠢᠯ ᠢ ᠰᠠᠶᠢᠳᠤᠷ ᠠᠳᠬᠤᠨ᠎ᠠ᠃ ᠮᠤᠩᠭᠤᠯ ᠮᠤᠷᠢᠨ ᠤ ᠡᠬᠦᠯᠳᠡᠷ ᠢ ᠬᠠᠮᠠᠭᠠᠯᠠᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠦ᠂ ᠮᠤᠩᠭᠤᠯ ᠮᠤᠷᠢᠨ ᠤ ᠰᠢᠯᠢᠳᠡᠭ ᠤᠳᠤᠮᠯᠠᠯ ᠤᠨ ᠭᠸᠡ ᠢ ᠬᠠᠮᠠᠭᠠᠯᠠᠭᠰᠠᠨ ᠰᠠᠭᠤᠷᠢᠨ ᠳᠡᠬᠡᠷ᠎ᠡ᠂ ᠠᠳᠤᠭᠤᠨ ᠤ ᠦᠢᠯᠡᠰ ᠤᠨ ᠬᠤᠷᠰᠢᠶᠠᠵᠢᠯ ᠢ ᠲᠦᠷᠢᠮᠵᠢᠬᠦᠯᠵᠦ᠂ ᠴᠡᠬᠡᠨ ᠤ ᠪᠦᠳᠦᠬᠡᠭᠳᠡᠬᠦᠨ ᠢ ᠨᠡᠬᠡᠬᠡᠨ ᠬᠦᠭᠵᠢᠬᠦᠯᠬᠦ᠂ ᠲᠠᠯ᠎ᠠ ᠨᠤᠳᠤᠭ ᠢᠶᠠᠷ ᠮᠤᠷᠢ ᠲᠠᠢ ᠵᠤᠭᠠᠴᠠᠬᠤ ᠵᠡᠷᠬᠡ ᠬᠠᠮᠢᠶ᠎ᠠ ᠪᠦᠬᠦᠢ ᠠᠵᠤ ᠦᠢᠯᠡᠰ ᠢ ᠵᠤᠷᠢᠭᠵᠢᠭᠤᠯᠤᠨ ᠬᠦᠭᠵᠢᠬᠦᠯᠤᠨ᠎ᠡ᠃ ᠮᠠᠯ ᠤᠨ ᠠᠰᠢᠭ ᠰᠢᠮ᠎ᠡ ᠎ ᠶᠢᠨ ᠴᠢᠨᠠᠷ ᠴᠢᠨᠰᠠᠭ᠎ᠠ ᠳᠤ ᠬᠢᠨᠠᠯᠳᠠ ᠳᠠᠯᠪᠢᠵᠦ᠂ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ ᠬᠤᠨᠢᠨ ᠮᠢᠬᠠᠨ ᠤ ᠢᠷᠡᠯᠳᠠ ᠶᠢ ᠬᠠᠶᠢᠬᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠦᠷᠨᠢᠬᠦᠯᠦᠨ᠂ ︽ᠠᠵᠣ ᠠᠬᠤᠶᠢᠯᠠᠯ + ᠬᠤᠷᠰᠢᠶᠠᠵᠢᠯ + ᠮᠠᠯᠴᠢᠨ ᠡᠷᠦᠬᠡ︾ ᠬᠡᠮᠡᠬᠦ ᠵᠠᠬᠢᠶᠠᠯᠠᠭ᠎ᠠ ᠶᠢᠨ ᠬᠡᠷ᠎ᠡ ᠶᠢᠨ ᠠᠰᠢᠭ ᠳᠤᠰᠠ ᠶᠢ ᠬᠤᠯᠪᠤᠯᠳᠤᠭᠤᠯᠬᠤ ᠵᠤᠬᠢᠴᠠᠮᠵᠢ ᠶᠢ ᠳᠡᠬᠦᠯᠳᠡᠷᠵᠢᠬᠦᠯᠦᠨ᠂ ︽ᠵᠠᠬᠢᠶᠠᠯᠠᠭ᠎ᠠ ᠶᠢᠨ ᠮᠠᠯ ᠠᠵᠤ ᠠᠬᠤᠢ︾᠎ ᠶᠢ ᠳᠦᠯᠬᠢᠨ ᠠᠬᠢᠭᠤᠯᠤᠨ᠎ᠠ᠃ ︽ᠦᠵᠦᠮᠦᠴᠢᠨ ᠬᠤᠨᠢᠨ ᠮᠢᠬᠠᠨ ᠤ ᠨᠡᠷᠡᠳᠤ ᠳᠡᠮᠳᠡᠭ︾᠎ ᠤᠨ ᠪᠠᠶᠢᠯᠳᠤᠬᠤ ᠪᠤᠳᠤᠯᠭ᠎ᠠ ᠳᠤ ᠳᠦᠰᠢᠭᠯᠡᠨ᠂ ᠮᠠᠯ ᠤᠨ ᠪᠦᠳᠦᠬᠡᠭᠳᠡᠬᠦᠨ ᠤ ᠡᠯᠧᠺᠲᠷᠤᠨ ᠬᠤᠳᠠᠯᠳᠤᠭ᠎ᠠ ᠶᠢ ᠬᠦᠭᠵᠢᠬᠦᠯᠬᠦ ᠶᠢ ᠳᠦᠯᠬᠢᠨ ᠠᠬᠢᠭᠤᠯᠵᠦ᠂ ︽ᠢᠨᠲ᠋ᠧᠷ ᠰᠦᠯᠵᠢᠶ᠎ᠡ +︾ ᠰᠦᠯᠵᠢᠶᠡᠨ ᠤ ᠵᠠᠬ᠎ᠠ ᠳᠡᠯᠬᠡᠬᠦᠷ ᠪᠠ ᠪᠤᠳᠠᠳᠤ ᠳᠡᠯᠬᠡᠬᠦᠷ ᠢ ᠤᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠬᠦᠯᠦᠨ᠂ ᠬᠤᠨᠢᠨ ᠮᠢᠬᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠴᠢᠩᠭᠠᠳᠬᠠᠵᠤ᠂ ᠦᠵᠦᠮᠦᠴᠢᠨ ᠬᠤᠨᠢᠨ ᠮᠢᠬᠠᠨ ᠤ ᠪᠡᠬᠡᠵᠢᠩ ᠵᠡᠷᠬᠡ ᠶᠡᠭᠡ ᠬᠤᠳᠠ ᠳᠠᠬᠢ ᠵᠠᠬ᠎ᠠ ᠳᠡᠯᠬᠡᠬᠦᠷ ᠤᠨ ᠦᠷᠢᠰᠦᠯᠳᠦᠬᠦ ᠬᠦᠴᠦᠨ ᠪᠠ ᠡᠵᠡᠯᠡᠬᠦ ᠨᠤᠷᠮ᠎ᠠ ᠶᠢ ᠨᠢ ᠨᠡᠮᠡᠭᠳᠡᠬᠦᠯᠦᠨ᠎ᠡ᠃     ᠭᠤᠷᠪᠠ ᠳᠤ᠂ ᠲᠠᠯ᠎ᠠ ᠨᠤᠳᠤᠭ ᠤᠨ ᠰᠤᠶᠤᠯ ᠢ ᠬᠠᠷᠠᠭᠤᠯᠬᠤ᠂ ᠤᠮᠠᠷᠠᠳᠤ ᠤᠷᠤᠨ ᠤ ᠤᠨᠴᠠᠯᠢᠭ ᠲᠠᠢ ᠵᠢᠭᠤᠯᠴᠢᠯᠠᠯ ᠰᠡᠯᠡᠬᠦᠴᠡᠯ ᠠᠮᠠᠷᠠᠯᠳᠠ ᠶᠢᠨ ᠰᠠᠭᠤᠷᠢᠨ ᠭᠠᠵᠠᠷ ᠢ ᠪᠠᠶᠢᠭᠤᠯᠬᠤ ᠪᠠᠷ ᠤᠳᠤᠷᠢᠳᠤᠮᠵᠢ ᠪᠤᠯᠭᠠᠵᠤ᠂ ᠦᠢᠯᠡᠴᠢᠯᠡᠬᠡᠨ ᠤ ᠦᠢᠯᠡᠰ ᠤᠨ ᠲᠦᠷᠬᠡᠨ ᠬᠦᠭᠵᠢᠬᠦ ᠶᠢ ᠬᠦᠴᠦᠯᠡᠨ ᠠᠬᠢᠭᠤᠯᠤᠨ᠎ᠠ᠃  ︽ᠵᠢᠭᠤᠯᠴᠢᠯᠠᠯ ᠢ ᠶᠡᠬᠡᠪᠡᠷ ᠬᠦᠭᠵᠢᠬᠦᠯᠬᠦ︾ ᠤᠶᠢᠯᠠᠭᠠᠭᠳᠠᠬᠤᠨ ᠢ ᠪᠣᠢ ᠪᠣᠯᠭᠠᠵᠣ᠂ ᠲᠠᠯ᠎ᠠ ᠨᠤᠳᠤᠭ ᠤᠨ ᠰᠤᠶᠤᠯ ᠪᠤᠯᠤᠨ ᠵᠢᠭᠤᠯᠴᠢᠯᠠᠯ ᠤᠨ ᠦᠢᠯᠡᠰ ᠤᠨ ᠬᠦᠨᠵᠡᠬᠡᠢ ᠠᠭᠤᠰᠤᠯᠴᠠᠨ ᠬᠦᠭᠵᠢᠬᠦ ᠶᠢ ᠲᠦᠷᠬᠡᠳᠬᠡᠨ ᠠᠬᠢᠭᠤᠯᠵᠤ᠂ ᠪᠠᠷᠠᠭᠤᠨ ᠦᠵᠦᠮᠦᠴᠢᠨ ᠬᠤᠰᠢᠭᠤ ᠪᠠᠨ ᠲᠠᠯ᠎ᠠ ᠨᠤᠳᠤᠭ ᠤᠨ ᠦᠩᠬᠡ ᠦᠵᠡᠮᠵᠢ ᠪᠤᠯᠤᠨ ᠦᠨᠳᠦᠰᠦᠳᠡᠨ ᠤ ᠵᠠᠩ ᠦᠢᠯᠡ ᠬᠡᠪ ᠰᠤᠷᠳᠠᠬᠤᠨ ᠎ ᠢᠶᠠᠷ ᠭᠤᠤᠯ ᠴᠤᠭᠴᠠ ᠪᠤᠯᠭᠠᠭᠰᠠᠨ᠂ ᠲᠠᠯ᠎ᠠ ᠨᠤᠳᠤᠭ ᠤᠨ ᠴᠠᠰᠤ ᠮᠦᠰᠦᠨ ᠤ ᠵᠢᠭᠤᠯᠴᠢᠯᠠᠯ ᠪᠤᠯᠤᠨ ᠲᠠᠯ᠎ᠠ ᠨᠤᠳᠤᠭ ᠎ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠮᠦᠷᠦᠶᠢᠴᠡᠬᠡᠨ ᠤ ᠨᠠᠶᠢᠷ ᠢᠶᠠᠷ ᠬᠤᠶᠠᠷ ᠵᠢᠬᠦᠷ ᠪᠤᠯᠭᠠᠭᠰᠠᠨ᠂ ︽ᠲᠠᠯ᠎ᠠ ᠨᠤᠳᠤᠭ ᠤᠨ ᠵᠤᠭᠠᠴᠠᠯ᠂ ᠰᠡᠯᠡᠬᠦᠴᠡᠯ᠂ ᠠᠮᠠᠷᠠᠯᠳᠠ︾ ᠭᠤᠷᠪᠠ ᠶᠢ ᠨᠢᠬᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠮᠠᠶ᠋ᠢᠭ ᠤᠨ ᠵᠢᠭᠤᠯᠴᠢᠯᠠᠯ ᠤᠨ ᠭᠠᠵᠠᠷ ᠪᠤᠯᠭᠠᠨ ᠪᠠᠶᠢᠭᠤᠯᠵᠤ᠂ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠪᠠᠶᠠᠰᠤᠨ ᠵᠤᠭᠠᠴᠠᠬᠤ ᠲᠠᠷᠬᠠᠨ ᠤᠷᠤᠨ︾  ᠬᠡᠮᠡᠬᠦ ᠨᠡᠷᠡᠳᠦ ᠳᠡᠮᠳᠡᠭ ᠢ ᠦᠷᠬᠦᠯᠵᠢᠯᠡᠨ ᠡᠬᠦᠳᠦᠨ᠎ᠡ᠃ ᠵᠠᠰᠠᠭ ᠤᠨ ᠤᠷᠳᠤᠨ ᠪᠡᠯᠡ ᠤᠷᠤᠭᠤᠯᠬᠤ ᠪᠠ ᠨᠡᠶᠢᠬᠡᠮ ᠤᠨ ᠪᠡᠯᠡ ᠮᠦᠩᠬᠦ ᠶᠢ ᠲᠠᠳᠠᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ᠰᠦᠯᠳᠡ ᠦᠵᠦᠮᠦᠴᠢᠨ ᠰᠤᠶᠤᠯ ᠤᠨ ᠠᠵᠤ ᠦᠢᠯᠡᠰ ᠤᠨ ᠳᠤᠭᠤᠷᠢᠭ ᠤᠨ ᠪᠠᠶᠢᠭᠤᠯᠤᠯᠳᠠ ᠶᠢ ᠳᠦᠷᠬᠡᠳᠬᠡᠨ᠂ 4A ᠲᠡᠰ ᠤᠨ ᠤᠯᠠᠭᠠᠨ ᠤᠳᠠᠢ ᠵᠢᠭᠤᠯᠴᠢᠯᠠᠯ ᠤᠨ ᠤᠷᠤᠨ ᠪᠠᠷ ᠵᠢᠱᠢᠶᠡᠴᠢ ᠪᠤᠯᠭᠠᠵᠤ᠂ ᠶᠤᠯᠤ ᠬᠠᠶᠢᠷᠬᠠᠨ᠂ ᠮᠤᠩᠭᠤᠯ ᠬᠠᠨ ᠬᠤᠳᠠ᠂ ᠨᠡᠬᠦᠳᠡᠯᠴᠢᠨ ᠠᠶᠢᠮᠠᠭ᠂ ᠰᠡᠷᠬᠦᠯᠡᠩ ᠬᠠᠷᠠᠭᠠᠳᠤ᠂ ᠬᠠᠪᠴᠠᠭᠠᠢ ᠵᠢᠭᠤᠯᠴᠢᠯᠠᠯ ᠎ ᠤᠨ ᠤᠷᠤᠨ ᠤ ᠲᠡᠰ ᠲᠡᠪᠰᠢᠬᠦ ᠶᠢ ᠠᠬᠢᠭᠤᠯᠵᠤ᠂ ᠪᠦᠬᠦ ᠤᠯᠤᠰ ᠤᠨ ᠬᠡᠪᠴᠢᠶᠡᠨ ᠳᠤ ᠨᠠᠷ᠎ᠡ ᠠᠯᠳᠠᠷᠰᠢᠭᠰᠠᠨ ᠵᠢᠭᠤᠯᠴᠢᠯᠠᠯ ᠤᠨ ᠤᠷᠤᠨ ᠪᠤᠯᠭᠠᠨ᠎ᠠ᠃  ᠳᠦᠷᠦ ᠶᠢᠨ ᠪᠤᠳᠤᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ︽ᠮᠠᠯᠴᠢᠨ ᠠᠶᠢᠯ︾ ᠵᠤᠭᠠᠴᠠᠯ ᠤᠨ ᠴᠢᠭ ᠤᠨ ᠪᠠᠶᠢᠭᠤᠯᠤᠯᠳᠠ ᠶᠢ ᠴᠢᠩᠭᠠᠳᠬᠠᠵᠤ᠂ ᠮᠠᠯᠴᠢᠳ ᠤᠨ ᠡᠵᠡᠩᠨᠡᠯᠳᠡ ᠎ ᠶᠢᠨ ᠤᠷᠤᠯᠭ᠎ᠠ ᠶᠢ ᠨᠡᠮᠡᠭᠳᠡᠬᠦᠯᠦᠨ᠎ᠡ᠃ ᠮᠤᠩᠭᠤᠯ ᠴᠠᠭᠠᠨ ᠠᠳᠤᠭᠤᠨ ᠤ ᠰᠤᠶᠤᠯ ᠢᠶᠠᠷ ᠲᠤᠯᠭᠠᠭᠤᠷᠢ ᠪᠤᠯᠭᠠᠵᠤ᠂ ᠬᠠᠮᠤᠭ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢᠶᠠᠷ ᠨᠡᠷᠡᠳᠦ ᠲᠡᠮᠳᠡᠭᠳᠦ ᠪᠤᠯᠭᠠᠵᠤ᠂ ᠲᠠᠯ᠎ᠠ ᠨᠤᠳᠤᠭ ᠤᠨ ᠨᠡᠬᠦᠳᠡᠯ ᠰᠤᠶᠤᠯ ᠢᠶᠠᠷ ᠰᠠᠭᠤᠷᠢ ᠪᠤᠯᠭᠠᠨ᠂ ︽ᠢᠳᠡᠬᠦ᠂ ᠬᠤᠨᠤᠬᠤ᠂ ᠠᠶᠠᠯᠠᠬᠤ᠂ ᠵᠤᠭᠠᠴᠠᠨ ᠲᠤᠭᠤᠷᠢᠬᠤ᠂ ᠬᠤᠳᠠᠯᠳᠤᠭ᠎ᠠ ᠬᠢᠬᠦ᠂ ᠨᠠᠭᠠᠳᠤᠨ ᠴᠡᠩᠬᠡᠬᠦ︾ ᠵᠡᠷᠬᠡ ᠵᠢᠭᠤᠯᠴᠢᠯᠠᠯ ᠤᠨ ᠵᠢᠷᠭᠤᠭᠠᠨ ᠡᠯᠧᠮᠧᠨ᠋ᠲ ᠤᠨ ᠲᠤᠭᠤᠷᠢᠨ ᠳᠤ ᠵᠢᠭᠤᠯᠴᠢᠯᠠᠯ ᠤᠨ ᠦᠢᠯᠡᠰ ᠤᠨ ᠪᠤᠷᠤᠯᠠᠭᠤᠯᠭ᠎ᠠ ᠶᠢ ᠠᠬᠢᠭᠤᠯᠵᠤ᠂ ᠤᠷᠤᠯᠭ᠎ᠠ ᠶᠢ ᠨᠢ ᠨᠡᠮᠡᠭᠳᠡᠬᠦᠯᠦᠨ᠎ᠡ᠃ ᠵᠢᠭᠤᠯᠴᠢᠯᠠᠯ ᠤᠨ ᠴᠢᠭ᠂ ᠵᠢᠭᠤᠯᠴᠢᠯᠠᠯ ᠤᠨ ᠲᠤᠭᠤᠷᠢᠭ ᠢ ᠲᠦᠷᠢᠮᠵᠢᠬᠦᠨ ᠬᠠᠮᠢᠶᠠᠷᠬᠤ ᠠᠵᠢᠯ ᠢ ᠰᠠᠶᠢᠳᠤᠷ ᠬᠢᠵᠦ᠂ ᠡᠮᠬᠢ ᠵᠢᠷᠤᠮ ᠦᠬᠡᠢ ᠨᠡᠬᠡᠬᠡᠨ ᠠᠰᠢᠭᠯᠠᠭᠰᠠᠨ ᠠᠴᠠ ᠪᠤᠯᠵᠤ ᠤᠷᠴᠢᠨ ᠲᠤᠭᠤᠷᠢᠨ ᠢ ᠡᠪᠳᠡᠬᠦ ᠶᠢ ᠰᠡᠷᠬᠡᠶᠢᠯᠡᠨ ᠬᠤᠷᠢᠭᠯᠠᠨ᠎ᠠ᠃  ᠪᠠᠷᠠᠭᠤᠨ ᠦᠵᠦᠮᠦᠴᠢᠨ ᠬᠤᠰᠢᠭᠤᠨ ᠤ ᠲᠠᠮᠢᠷ ᠤᠨ ᠲᠠᠯᠠᠪᠠᠢ ᠶᠢ ᠠᠵᠢᠯ ᠡᠬᠢᠯᠡᠬᠦᠯᠦᠨ ᠪᠠᠶᠢᠭᠤᠯᠵᠣ ᠂ ᠬᠦᠯ ᠪᠦᠮᠪᠦᠭᠡ ᠵᠡᠷᠬᠡ ᠡᠯ᠎ᠡ ᠳᠦᠷᠦᠯ ᠤᠨ ᠲᠠᠮᠢᠷ ᠤᠨ ᠦᠢᠯᠡᠰ ᠢ ᠦᠷᠨᠢᠬᠦᠨ ᠬᠦᠭᠵᠢᠬᠦᠯᠦᠨ᠎ᠡ᠃ ᠬᠡᠷ ᠬᠦᠷᠢᠶᠡᠡ ᠎ ᠤ ᠠᠳᠠᠯ ᠠᠬᠤᠢ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠬᠡᠬᠡ᠂ ᠰᠠᠩ ᠬᠦᠮᠦᠷᠬᠡ ᠶᠢ ᠭᠠᠳᠠᠭᠰᠢ ᠲᠦᠷᠢᠶᠡᠰᠦᠯᠡᠬᠦᠯᠬᠦ ᠵᠡᠷᠬᠡ ᠠᠵᠢᠯ ᠲᠦᠷᠦᠯ ᠤᠨ ᠲᠦᠷᠢᠮᠵᠢᠭᠰᠡᠨ ᠬᠦᠭᠵᠢᠯᠳᠡ ᠶᠢ ᠴᠢᠩᠭᠠᠳᠬᠠᠵᠤ᠂ ᠡᠯᠧᠺᠲᠷᠤᠨ ᠬᠤᠳᠠᠯᠳᠤᠭ᠎ᠠ᠂ ᠮᠡᠷᠬᠡᠵᠢᠯ ᠤᠨ ᠯᠠᠪᠯᠠᠯᠳᠠ ᠵᠡᠷᠬᠡ ᠲᠡᠬᠡᠳᠦ ᠲᠡᠰ ᠤᠨ ᠦᠢᠯᠡᠴᠢᠯᠡᠬᠡᠨ ᠤ ᠦᠢᠯᠡᠰ ᠢ ᠢᠳᠡᠪᠬᠢᠳᠠᠢ ᠪᠤᠵᠠᠭᠠᠶᠢᠷᠠᠭᠤᠯᠤᠨ᠎ᠠ᠃ ᠤᠳᠤ ᠦᠶ᠎ᠡ ᠶᠢᠨ ᠪᠤᠳᠠᠰ ᠤᠨ ᠬᠦᠢᠯᠬᠡᠬᠡᠨ ᠤ ᠬᠦᠭᠵᠢᠯᠳᠡ ᠶᠢ ᠲᠦᠷᠬᠡᠳᠬᠡᠵᠦ᠂ ᠤᠯᠤᠰ ᠎ ᠤᠨ ︽ᠨᠢᠬᠡ ᠪᠦᠰᠡ ᠨᠢᠬᠡ ᠵᠠᠮ︾᠎ ᠤᠨ ᠪᠠᠶᠢᠯᠳᠤᠬᠤ ᠪᠤᠳᠤᠯᠭ᠎ᠠ ᠠᠴᠠ ᠰᠡᠳᠦᠪᠯᠡᠨ᠂ ᠪᠠᠶᠠᠩᠬᠤᠸᠠ ᠪᠤᠳᠠᠰ ᠤᠨ ᠬᠦᠢᠯᠬᠡᠬᠡᠨ ᠤ ᠳᠤᠭᠤᠷᠢᠭ ᠤᠨ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠪᠦᠰᠡ ᠳᠠᠬᠢ ᠴᠢᠬᠤᠯᠠ ᠵᠠᠩᠬᠢᠯᠭᠠᠳᠤ ᠴᠢᠭ ᠤᠨ ᠦᠢᠯᠡᠳᠦᠯ ᠢ ᠪᠠᠳᠠᠷᠠᠭᠤᠯᠤᠨ᠎ᠠ᠃     ︵ᠭᠤᠷᠪᠠ︶ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂  ᠬᠦᠭᠵᠢᠯᠳᠡ ᠎ ᠶᠢ ᠳᠤᠯᠭᠠᠭᠤᠷᠢᠯᠠᠬᠤ ᠴᠢᠳᠠᠪᠤᠷᠢ ᠶᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃     ᠨᠢᠬᠡ ᠳᠤ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠪᠤᠯᠤᠨ ᠬᠠᠮᠢᠶᠠᠷᠤᠯᠳᠠ ᠶᠢᠨ ᠬᠢᠷᠢ ᠲᠦᠪᠰᠢᠨ ᠎ ᠢ ᠲᠦᠷᠬᠡᠳᠬᠡᠨ ᠲᠡᠭᠡᠭᠰᠢᠯᠡᠬᠦᠯᠦᠨ᠎ᠡ᠃ ︽ᠪᠦᠬᠦ ᠤᠯᠤᠰ ᠤᠨ ᠤᠨᠴᠠᠯᠢᠭᠳᠤ ᠵᠢᠭᠤᠯᠴᠢᠯᠠᠯ ᠤᠨ ᠨᠡᠷᠡᠳᠤ ᠪᠠᠯᠭᠠᠰᠤ︾᠂ ︽ᠤᠯᠤᠰ ᠤᠨ ᠳᠡᠰ ᠤᠨ ᠴᠡᠴᠡᠷᠯᠢᠭᠳᠦ ᠬᠤᠰᠢᠭᠤ ︵ᠰᠢᠶᠠᠨ︶︾᠂ ︽ᠦᠪᠡᠷᠳᠡᠬᠡᠨ ᠵᠠᠰᠠᠬᠤ ᠤᠷᠤᠨ ᠤ ᠳᠡᠰ ᠎ ᠤᠨ ᠠᠮᠢ ᠠᠬᠤᠢ ᠶᠢᠨ ᠤᠷᠤᠰᠢᠨ ᠰᠠᠭᠤᠬᠤ ᠳᠤ ᠲᠠᠭᠠᠳᠠᠢ ᠬᠤᠳᠠ ᠪᠠᠯᠭᠠᠰᠤ︾ ᠪᠠ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠦᠬᠡᠷᠡᠴᠢᠯᠡᠯᠳᠡ ᠶᠢᠨ ᠳᠤᠷᠰᠢᠯᠳᠠ ᠶᠢᠨ ᠴᠢᠭ ᠤᠨ ᠪᠦᠳᠦᠬᠡᠨ ᠪᠠᠶᠢᠭᠤᠯᠤᠯᠳᠠ ᠶᠢ ᠴᠤᠭᠴᠠᠯᠠᠬᠤ ᠪᠠᠷ ᠬᠠᠷᠠᠯᠳᠠ ᠪᠠᠨ ᠪᠤᠯᠭᠠᠵᠦ᠂ ᠵᠤᠬᠢᠬᠤ ᠬᠡᠮᠵᠢᠶ᠎ᠡ ᠪᠠᠷ ᠪᠡᠯᠡ ᠤᠷᠤᠭᠤᠯᠬᠤ ᠶᠢ ᠪᠠᠳᠤᠯᠠᠵᠤ᠂ ᠭᠠᠳᠠᠷ ᠳᠦᠷᠢ ᠳᠦᠷᠬᠦ ᠶᠢ ᠨᠢ ᠭᠤᠶᠤᠵᠢᠭᠤᠯᠤᠨ᠎ᠠ᠃ ︽ᠤᠶᠤᠨᠯᠢᠭ ᠬᠤᠳᠠ︾᠎ ᠶᠢᠨ ᠪᠠᠶᠢᠭᠤᠯᠤᠯᠳᠠ ᠶᠢ ᠠᠬᠢᠭᠤᠯᠵᠤ᠂ ᠤᠳᠤᠬᠢᠴᠢᠯᠠᠭᠰᠠᠨ ᠰᠤᠷᠠᠭ ᠵᠠᠩᠬᠢ ᠶᠢᠨ ᠬᠤᠳᠠ ᠶᠢ ᠡᠬᠦᠳᠦᠨ ᠪᠠᠶᠢᠭᠤᠯᠤᠨ᠎ᠠ᠃ ᠤᠯᠤᠰ ᠠᠴᠠ ᠲᠣᠷᠠᠳᠣᠭᠰᠠᠨ ᠬᠦᠮᠦᠷᠬᠡ ᠶᠢᠨ ᠦᠯᠡᠳᠡᠭᠳᠡᠯ ᠢ ᠪᠠᠭᠠᠰᠬᠠᠬᠤ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠳᠬᠤᠵᠤ᠂ ᠬᠡᠷ ᠬᠦᠷᠦᠩᠬᠡ ᠶᠢᠨ ᠦᠢᠯᠡᠰ ᠤᠨ ᠬᠠᠳᠠᠭᠠᠯᠠᠭᠳᠠᠵᠦ ᠪᠠᠶᠢᠭ᠎ᠠ ᠰᠤᠯᠠ ᠬᠡᠷ ᠢ ᠳᠤᠭᠳᠠᠭᠤᠨ ᠢᠶᠠᠷ ᠰᠢᠢᠳᠪᠤᠷᠢᠯᠡᠨ᠂ ᠪᠠᠯᠭᠠᠷᠭᠤᠤᠯ ᠪᠠᠯᠭᠠᠰᠤ ᠪᠤᠯᠤᠨ ᠪᠠᠶᠠᠩᠬᠤᠸᠠ ᠪᠠᠯᠭᠠᠰᠤᠨ ᠤ ᠪᠠᠶᠢᠰᠢᠩ ᠬᠡᠷ ᠲᠤ ᠰᠠᠭᠤᠭ᠎ᠠ ᠠᠷᠠᠳ ᠢ ᠠᠰᠠᠷ ᠲᠤ ᠰᠠᠭᠤᠯᠭᠠᠬᠤ ᠲᠦᠷᠦ ᠶᠢᠨ ᠪᠤᠳᠤᠯᠭ᠎ᠠ ᠶᠢ ᠲᠤᠭᠳᠠᠭᠠᠵᠤ᠂ ᠠᠷᠠᠳ ᠤᠨ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠤᠨ᠎ᠠ᠃ ᠡᠯ᠎ᠡ ᠳᠦᠷᠦᠯ ᠤᠨ ᠠᠶᠤᠯᠳᠠᠢ ᠬᠡᠷ ᠪᠠᠶᠢᠰᠢᠩ ᠢ ᠵᠠᠰᠠᠨ ᠰᠢᠨᠡᠴᠢᠯᠡᠬᠦ ᠪᠠᠨ ᠴᠢᠩᠭᠠᠳᠬᠠᠵᠦ᠂ ᠠᠵᠤ ᠠᠬᠤᠢ ᠶᠢᠨ ᠳᠤᠬᠢᠯᠢᠭ ᠤᠷᠤᠨ ᠰᠠᠭᠤᠴᠠ ᠶᠢᠨ ᠬᠦᠭᠵᠢᠯᠳᠡ ᠶᠢ ᠳᠦᠷᠢᠮᠵᠢᠬᠦᠯᠦᠨ᠎ᠡ᠃ ᠤᠤᠯ ᠤᠨ ᠴᠤᠮᠬᠠᠳᠬᠠᠨ ᠨᠡᠶᠢᠯᠡᠬᠦᠯᠦᠭᠰᠡᠨ ᠰᠤᠮᠤᠨ ᠤ ᠰᠠᠭᠤᠭᠠᠯᠢ ᠳᠤᠭᠤᠷᠢᠭ ᠤᠨ ︽ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ︾᠂ ᠬᠤᠳᠠ ᠪᠠᠯᠭᠠᠰᠤᠨ ᠤ ᠠᠶᠤᠯᠳᠠᠢ ᠬᠡᠷ ᠪᠠᠶᠢᠰᠢᠩ ᠢ ᠰᠤᠯᠢᠨ ᠳᠤᠬᠢᠷᠠᠭᠤᠯᠬᠤ ᠵᠡᠷᠬᠡ ᠠᠵᠢᠯ ᠲᠠᠢ ᠤᠶᠠᠯᠳᠤᠭᠤᠯᠤᠨ᠂ 500 ᠡᠷᠦᠬᠡ ᠳᠤ ᠬᠤᠳᠠ ᠶᠢᠨ ᠠᠶᠤᠯᠳᠠᠢ ᠬᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ ᠳᠦᠷᠦᠯ ᠵᠦᠢᠯ ᠢ ᠬᠡᠷᠡᠭᠵᠢᠬᠦᠯᠦᠨ᠎ᠡ᠃  ᠬᠤᠳᠠ ᠪᠠᠯᠭᠠᠰᠤᠨ ᠤ ᠤᠰᠤ᠂ ᠴᠠᠬᠢᠯᠭᠠᠨ᠂ ᠵᠠᠮ᠂ ᠳᠤᠯᠠᠭᠠᠯᠭ᠎ᠠ᠂ ᠰᠢᠳᠠᠮᠠᠬᠠᠢ ᠬᠡᠢ᠂ ᠴᠢᠮᠡᠭᠡ ᠬᠤᠯᠪᠤᠭ᠎ᠠ ᠵᠡᠷᠬᠡ ᠰᠠᠭᠤᠷᠢ ᠳᠦᠬᠦᠬᠡᠷᠦᠮᠵᠢ ᠶᠢ ᠳᠡᠬᠦᠯᠳᠡᠷᠵᠢᠬᠦᠯᠦᠨ᠂ ᠬᠤᠳᠠ ᠪᠠᠯᠭᠠᠰᠤᠨ ᠎ ᠤ ᠵᠠᠮ ᠱᠤᠭᠤᠮ ᠵᠢᠴᠢ ᠳᠡᠷᠬᠡᠨ ᠵᠤᠭᠰᠤᠭᠠᠯ ᠤᠨ ᠳᠠᠯᠠᠪᠠᠢ ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠬᠢᠵᠦ᠂ ᠪᠠᠯᠭᠠᠷᠭᠤᠤᠯ ᠪᠠᠯᠭᠠᠰᠤᠨ ᠤ ᠳᠦᠬᠡᠬᠡᠯ ᠤᠰᠤᠨ ᠤ ᠦᠢᠯᠡᠳᠪᠦᠷᠢ ᠢ ᠦᠷᠬᠡᠳᠬᠡᠨ ᠪᠠᠶᠢᠭᠤᠯᠬᠤ ᠵᠢᠴᠢ ᠢᠵᠢ ᠪᠦᠷᠢᠳᠦᠭᠰᠡᠨ ᠬᠤᠭᠤᠯᠠᠢ ᠶᠢᠨ ᠢᠨᠵᠧᠨᠧᠷᠢᠩ ᠢ ᠪᠡᠶᠡᠯᠡᠬᠦᠯᠬᠦ ᠶᠢᠨ ᠬᠠᠮᠳᠤ ᠪᠤᠬᠢᠷ ᠤᠰᠤ᠂ ᠬᠤᠭ ᠨᠣᠪᠰᠢ ᠶᠢ ᠬᠤᠷᠢᠶᠠᠨ ᠰᠢᠢᠳᠪᠤᠷᠢᠯᠡᠬᠦ ᠨᠤᠷᠮ᠎ᠠ ᠶᠢ ᠳᠡᠬᠡᠭᠰᠢᠯᠡᠬᠦᠯᠵᠦ᠂ ᠬᠤᠳᠠ ᠶᠢᠨ ᠳᠦᠬᠦᠬᠡᠷᠦᠮᠵᠢ ᠶᠢ ᠬᠠᠮᠢᠶᠠᠷᠴᠦ ᠬᠠᠮᠠᠭᠠᠯᠠᠬᠤ ᠪᠠᠨ ᠴᠢᠩᠭᠠᠳᠬᠨ᠎ᠠ᠃ ᠤᠷᠴᠢᠨ ᠳᠤᠭᠤᠷᠢᠨ ᠢ ᠵᠠᠰᠠᠨ ᠴᠡᠭᠴᠡᠯᠡᠬᠦ ᠠᠵᠢᠯ ᠢᠶᠠᠨ ᠴᠢᠩᠭᠠᠳᠬᠠᠵᠦ᠂ ᠬᠠᠳᠠᠭᠤᠷᠠᠭᠤᠯᠬᠤ᠂ ᠬᠡᠷᠡᠯᠳᠦᠬᠦᠯᠬᠦ᠂ ᠨᠤᠭᠤᠭᠠᠷᠠᠭᠤᠯᠬᠤ ᠪᠠ ᠰᠠᠭᠤᠭᠠᠯᠢ ᠠᠷᠠᠳ ᠤᠨ ᠳᠤᠭᠤᠷᠢᠭ ᠤᠨ ᠠᠭᠤᠳᠠᠮ ᠳᠠᠯᠠᠪᠠᠢ᠂ ᠨᠡᠶᠢᠳᠡ ᠶᠢᠨ ᠵᠤᠷᠯᠤᠩ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠬᠢᠵᠦ᠂ ᠠᠷᠠᠳ ᠳᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ᠃ ᠣᠯᠣᠰ ᠠᠴᠠ ᠲᠣᠭᠳᠠᠭᠠᠭᠰᠠᠨ ᠬᠤᠳᠠ ᠶᠢᠨ ᠬᠠᠮᠢᠶᠠᠷᠣᠯᠳᠠ ᠶᠢᠨ ᠬᠡᠷᠡᠭᠵᠢᠬᠦᠯᠬᠦ ᠨᠠᠷᠢᠨ ᠲᠦᠷᠢᠮ ᠢ ᠲᠣᠣᠱᠯᠠᠭᠤᠯᠦᠨ᠂ ᠬᠢᠨᠠᠨ ᠰᠢᠯᠭᠠᠬᠤ ᠲᠦᠷᠢᠮ ᠢ ᠳᠡᠬᠦᠯᠳᠡᠷᠵᠢᠬᠦᠯᠵᠣ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠪᠡᠷᠰᠡᠳ ᠢᠶᠠᠨ ᠬᠠᠮᠢᠶᠠᠷᠬᠤ ᠦᠵᠡᠯᠳᠡ ᠶᠢ ᠴᠢᠩᠭᠠᠳᠬᠠᠵᠦ᠂ ᠬᠤᠳᠠ ᠪᠠᠯᠭᠠᠰᠤᠨ ᠤ ᠬᠠᠮᠢᠶᠠᠷᠤᠯᠳᠠ ᠶᠢ ᠨᠠᠷᠢᠯᠢᠭᠵᠢᠭᠤᠯᠤᠨ᠎ᠠ᠃     ᠬᠤᠶᠠᠷ᠂ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠᠨ ᠳᠦᠷᠬᠡᠳᠬᠡᠨ᠎ᠡ᠃ ᠴᠢᠬᠤᠯᠠ ᠶᠡᠭᠡ ᠰᠠᠭᠤᠷᠢ ᠲᠦᠬᠦᠬᠡᠷᠦᠮᠵᠢ ᠶᠢ ᠬᠠᠷᠢᠯᠴᠠᠨ ᠬᠤᠯᠪᠤᠨ ᠨᠡᠪᠳᠡᠷᠡᠬᠦᠯᠬᠦ ᠪᠠᠷ ᠭᠤᠤᠯᠳᠠᠯᠭ᠎ᠠ ᠪᠤᠯᠭᠠᠵᠤ᠂ ᠬᠦᠭᠵᠢᠯᠳᠡ ᠶᠢᠨ ᠪᠦᠬᠦ ᠲᠠᠯ᠎ᠠ ᠲᠠᠢ ᠬᠤᠯᠪᠤᠭᠳᠠᠭᠰᠠᠨ ᠰᠠᠭᠤᠷᠢ ᠲᠦᠬᠦᠬᠡᠷᠦᠮᠵᠢ ᠶᠢ ᠪᠦᠳᠦᠬᠡᠨ ᠪᠠᠶᠢᠭᠤᠯᠬᠤ ᠢᠨᠵᠧᠨᠧᠷᠢᠩ ᠢ ᠲᠦᠪᠯᠡᠷᠡᠬᠦᠯᠦᠨ ᠬᠡᠷᠡᠭᠵᠢᠬᠦᠯᠵᠦ᠂ ᠬᠦᠭᠵᠢᠯᠳᠡ ᠲᠠᠢ ᠲᠤᠬᠢᠷᠠᠯᠴᠠᠭᠰᠠᠨ ᠰᠠᠭᠤᠷᠢ ᠲᠦᠬᠦᠬᠡᠷᠦᠮᠵᠢ ᠶᠢ ᠪᠠᠳᠤᠯᠠᠬᠤ ᠰᠢᠰᠲ᠋ᠧᠮ ᠢ ᠲᠦᠷᠬᠡᠳᠬᠡᠨ ᠪᠠᠶᠢᠭᠤᠯᠤᠨ᠎ᠠ᠃ ᠵᠠᠰᠠᠮᠠᠯ ᠵᠠᠮ ᠤᠨ ᠪᠠᠶᠢᠭᠤᠯᠤᠯᠳᠠ ᠶᠢᠨ ᠲᠠᠯ᠎ᠠ ᠪᠠᠷ  2016 ᠤᠨ ᠎ ᠳᠤ 3.6 ᠳ᠋ᠦᠩᠰᠢᠭᠤᠷ ᠳᠦᠬᠦᠷᠢᠭ ᠪᠡᠯᠡ ᠤᠷᠤᠭᠤᠯᠬᠤ ᠪᠠᠷ  ᠳᠦᠯᠦᠪᠯᠡᠨ᠂ ᠪᠦᠬᠦ ᠤᠷᠳᠤ ᠨᠢ 520.7 ᠺᠢᠯᠤᠮᠧᠲᠷ ᠪᠦᠬᠦᠢ 38 ᠵᠤᠷᠪᠤᠰ ᠭᠠᠴᠠᠭᠠᠨ ᠤ ᠱᠦᠢᠨᠢ ᠵᠠᠮ ᠢ ᠦᠬᠡᠷᠡᠴᠢᠯᠡᠨ ᠵᠠᠰᠠᠵᠦ᠂ 48 ᠭᠠᠴᠠᠭᠠᠨ ᠤ ᠵᠠᠰᠠᠮᠠᠯ ᠵᠠᠮ ᠢ ᠨᠡᠪᠳᠡᠷᠡᠬᠦᠯᠦᠨ᠂ ᠮᠠᠯᠵᠢᠬᠤ ᠤᠷᠤᠨ ᠤ ᠵᠠᠰᠠᠮᠠᠯ ᠵᠠᠮ ᠢ ᠤᠯᠠᠮ ᠨᠢᠬᠡ ᠠᠯᠬᠤᠮ ᠳᠡᠰᠵᠢᠬᠦᠯᠦᠨ᠎ᠡ᠃ 200 ᠺᠢᠯᠤᠮᠧᠲᠷ ᠪᠦᠬᠦᠢ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠵᠦ᠂ ᠮᠠᠯᠴᠢᠳ ᠤᠨ ᠤᠷᠤᠵᠦ ᠭᠠᠷᠬᠤ ᠳᠤ ᠬᠦᠴᠢᠷᠳᠡᠯᠳᠡᠢ ᠠᠰᠠᠭᠤᠳᠠᠯ ᠢ ᠰᠢᠢᠳᠪᠤᠷᠢᠯᠡᠨ᠎ᠡ᠃  ᠪᠦᠬᠦ ᠤᠷᠳᠤ ᠨᠢ 61 ᠺᠢᠯᠤᠮᠧᠲᠷ ᠪᠦᠬᠦᠢ ᠤᠯᠤᠰ ᠤᠨ ᠳᠡᠰ ᠎ ᠤᠨ 306 ᠱᠣᠭᠤᠮ ᠤᠨ ᠳᠠᠰᠢᠭᠤᠷ ᠤᠨ ᠪᠤᠯᠠᠭ ᠠᠴᠠ ᠪᠠᠯᠠᠭᠠᠷᠭᠤᠤᠯ ᠬᠦᠷᠬᠦ ᠬᠡᠰᠡᠭ ᠤᠨ ᠵᠠᠰᠠᠮᠠᠯ ᠵᠠᠮ ᠢ ᠰᠢᠨ᠎ᠡ ᠎ ᠪᠠᠷ ᠪᠠᠶᠢᠭᠤᠯᠤᠨ᠎ᠠ᠃ ᠪᠦᠬᠦ ᠤᠷᠳᠤ ᠨᠢ 94.8 ᠺᠢᠯᠤᠮᠧᠲᠷ ᠪᠦᠬᠦᠢ ᠮᠤᠵᠢ ᠶᠢᠨ ᠳᠡᠰ ᠤᠨ 221 ᠱᠤᠭᠤᠮ ᠤᠨ ᠵᠡᠬᠦᠨ ᠦᠵᠦᠮᠦᠴᠢᠨ ᠬᠤᠰᠢᠭᠤᠨ ᠤ ᠡᠵᠢᠨᠠᠭᠤᠷ ᠠᠴᠠ ᠡᠤ ᠵᠢᠶᠠᠨ ᠹᠠᠩ ᠬᠦᠷᠬᠦ ᠬᠡᠰᠡᠭ ᠤᠨ ᠵᠠᠰᠠᠮᠠᠯ ᠵᠠᠮ ᠢ ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ ᠳᠡᠮᠦᠷ ᠵᠠᠮ ᠤᠨ ᠪᠠᠶᠢᠭᠤᠯᠤᠯᠳᠠ ᠶᠢᠨ ᠲᠠᠯ᠎ᠠ ᠪᠠᠷ  ᠵᠢᠨᠵᠸᠤ ᠭᠠᠷᠠᠮ ᠎ ᠠᠴᠠ ᠪᠠᠶᠠᠩᠬᠤᠸᠠ ᠬᠦᠷᠬᠦ ᠲᠡᠮᠣᠷ ᠵᠠᠮ ᠢ ᠦᠷᠬᠡᠳᠬᠡᠨ ᠪᠠᠶᠢᠭᠤᠯᠬᠤ ᠲᠦᠷᠦᠯ ᠵᠦᠢᠯ ᠪᠠ ᠢᠳᠠᠭᠤᠳᠤ ᠠᠴᠠ ᠪᠠᠶᠠᠩᠬᠤᠸᠠ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠦᠬᠡᠷᠡᠴᠢᠯᠡᠬᠦ ᠳᠦᠷᠦᠯ ᠵᠦᠢᠯ ᠢ ᠵᠢᠯ ᠤᠨ ᠳᠤᠳᠤᠷ᠎ᠠ ᠠᠵᠢᠯ ᠡᠬᠢᠯᠡᠬᠦᠯᠬᠦ ᠪᠠᠷ ᠴᠢᠷᠮᠠᠶᠢᠨ᠎ᠠ︔ ᠪᠠᠶ᠋ᠬᠠᠭᠤᠯᠠ ᠠᠴᠠ ᠹᠦᠰᠢᠨ ᠤ ᠰᠢᠨᠴᠢᠣ ᠬᠦᠷᠬᠦ ᠲᠡᠮᠦᠷ ᠵᠠᠮ᠂ ᠪᠠᠶᠠᠩᠬᠤᠸᠠ ᠎ ᠠᠴᠠ ᠯᠢᠨᠳᠦ᠋ᠩ ᠬᠦᠷᠬᠦ ᠳᠡᠮᠦᠷ ᠵᠠᠮ ᠤᠨ ᠪᠠᠶᠢᠭᠤᠯᠤᠯᠳᠠ ᠶᠢᠨ ᠠᠵᠢᠯ ᠢ ᠡᠷᠳᠡᠬᠡᠨ ᠰᠡᠷᠬᠦᠬᠡᠨ᠎ᠡ︔ ᠬᠤᠸᠠ ᠷᠦᠨ ᠪᠦᠯᠦᠭᠯᠡᠯ ᠤᠨ ᠡᠤ ᠵᠢᠶᠠᠨ ᠹᠠᠩ ᠳᠠᠬᠢ ᠴᠠᠬᠢᠯᠭᠠᠨ ᠦᠢᠯᠡᠳᠪᠤᠷᠢ ᠶᠢᠨ ᠳᠡᠮᠦᠷ ᠵᠠᠮ ᠤᠨ ᠳᠤᠰᠬᠠᠢ ᠱᠤᠭᠤᠮ᠂ ᠵᠢᠷ ᠎ ᠤᠨ ᠭᠤᠤᠯ ᠤᠨ ᠬᠤᠶᠠᠳᠤᠭᠠᠷ ᠵᠠᠳᠠᠭᠠᠢ ᠨᠡᠬᠦᠷᠡᠰᠦᠨ ᠠᠭᠤᠷᠬᠠᠢ ᠶᠢᠨ ᠳᠡᠮᠦᠷ ᠵᠠᠮ ᠤᠨ ᠳᠤᠰᠬᠠᠢ ᠱᠤᠭᠤᠮ᠂ ᠤᠯᠠᠭᠠᠨᠬᠠᠳᠠ ᠠᠴᠠ ᠳ᠋ᠠᠪᠠᠨ᠂ ᠳ᠋ᠠᠪᠠᠨ ᠠᠴᠠ ᠪᠠᠶᠠᠩᠬᠤᠸᠠ ᠬᠦᠷᠬᠦ ᠳᠡᠮᠦᠷ ᠵᠠᠮ ᠤᠨ ᠪᠠᠶᠠᠩᠬᠤᠸᠠ ᠦᠷᠳᠡᠬᠡᠨ ᠳᠠᠬᠢ ᠪᠠᠷᠠᠭ᠎ᠠ ᠬᠠᠳᠠᠭᠠᠯᠠᠬᠤ ᠳᠠᠯᠠᠪᠠᠢ ᠶᠢᠨ ᠳᠤᠰᠬᠠᠢ ᠱᠤᠭᠤᠮ᠂ ᠪᠠᠶ᠋ᠬᠠᠭᠤᠯᠠ ᠠᠴᠠ ᠵᠡᠬᠦᠨ ᠬᠠᠳᠠᠪᠴᠢ ᠬᠦᠷᠬᠦ ᠳᠡᠮᠦᠷ ᠵᠠᠮ ᠎ ᠤᠨ ᠳᠦᠷᠪᠡᠳᠦᠬᠡᠷ ᠬᠤᠭᠤᠴᠠᠭ᠎ᠠ ︵ᠪᠠᠶ᠋ᠬᠠᠭᠤᠯᠠ ᠠᠴᠠ ᠵᠠᠪᠴᠢᠷ ᠬᠦᠷᠬᠦ ᠬᠡᠰᠡᠭ︶᠂ ᠪᠠᠶᠠᠩᠬᠤᠸᠠ ᠳᠠᠬᠢ ᠨᠠᠷᠢᠯᠢᠭᠵᠢᠭᠤᠯᠤᠭᠰᠨ ᠬᠦᠩᠬᠡᠨ ᠴᠠᠭᠠᠨ ᠬᠠᠪᠳᠠᠰᠤ ᠶᠢᠨ ᠳᠡᠮᠦᠷ ᠵᠠᠮ ᠤᠨ ᠳᠤᠰᠬᠠᠢ ᠱᠤᠭᠤᠮ᠂ ᠬᠤᠤᠯᠢᠨᠭᠤᠤᠯ ᠎ ᠠᠴᠠ ᠪᠠᠶᠠᠩᠬᠤᠸᠠ ᠬᠦᠷᠬᠦ ᠳᠡᠮᠦᠷ ᠵᠠᠮ᠂ ᠢᠳᠠᠭᠤᠳᠤ ᠠᠴᠠ ᠭᠠᠩᠭᠠᠳᠤ ᠶᠢᠨ ᠠᠭᠤᠯᠠ ᠬᠦᠷᠬᠦ ᠬᠡᠰᠡᠭ ᠲᠤ ᠭᠠᠯᠳᠤ ᠳᠡᠷᠬᠡᠨ ᠦᠷᠳᠡᠭᠡ ᠪᠠᠶᠢᠭᠤᠯᠬᠤ ᠠᠵᠢᠯ ᠪᠠ ᠨᠢᠬᠡᠳᠦᠬᠡᠷ ᠨᠡᠬᠦᠷᠡᠰᠦᠨ ᠠᠭᠤᠷᠬᠠᠢ ᠠᠴᠠ ᠪᠠᠶᠠᠩᠬᠤᠸᠠ ᠵᠡᠬᠦᠨ ᠦᠷᠳᠡᠭᠡ ᠬᠦᠷᠬᠦ ᠳᠡᠮᠦᠷ ᠵᠠᠮ ᠤᠨ ᠳᠤᠰᠬᠠᠢ ᠱᠤᠭᠤᠮ᠂ ᠪᠠᠶᠠᠩᠬᠤᠸᠠ ᠳᠦᠷᠪᠡᠳᠦᠬᠡᠷ ᠨᠡᠬᠦᠷᠡᠰᠦᠨ ᠠᠭᠤᠷᠬᠠᠢ ᠵᠡᠷᠬᠡ ᠨᠠᠢᠮᠠᠨ ᠳᠦᠷᠦᠯ ᠵᠦᠢᠯ ᠤᠨ ᠤᠷᠢᠳᠤᠬᠢ ᠬᠤᠭᠤᠴᠠᠭᠠᠨ ᠤ ᠠᠵᠢᠯ ᠢ ᠳᠦᠯᠬᠢᠨ ᠠᠬᠢᠭᠤᠯᠵᠦ᠂ ᠡᠷᠳᠡᠬᠡᠨ ᠬᠠᠮᠢᠶ᠎ᠠ ᠪᠦᠬᠦᠢ ᠭᠠᠷ ᠬᠦᠢᠴᠡᠳᠬᠡᠯ ᠢ ᠬᠦᠢᠴᠡᠳᠬᠡᠨ᠂ ᠠᠵᠢᠯ ᠡᠬᠢᠯᠡᠬᠦᠯᠬᠦ ᠪᠠᠷ ᠴᠢᠷᠮᠠᠶᠢᠨ᠎ᠠ᠃ ᠨᠢᠰᠬᠡᠯ ᠤᠨ ᠪᠠᠭᠤᠳᠠᠯ ᠤᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠪᠠᠶ᠋ᠬᠠᠭᠤᠯᠠ ᠨᠢᠰᠬᠡᠯ ᠤᠨ ᠪᠠᠭᠤᠳᠠᠯ ᠤᠨ ᠪᠦᠳᠦᠬᠡᠨ ᠪᠠᠶᠢᠭᠤᠯᠤᠯᠳᠠ ᠶᠢᠨ ᠳᠦᠷᠦᠯ ᠵᠦᠢᠯ ᠤᠨ ᠤᠷᠢᠳᠤᠬᠢ ᠬᠤᠭᠤᠴᠠᠭᠠᠨ ᠤ ᠠᠵᠢᠯ ᠢ ᠤᠯᠠᠮ ᠨᠢᠬᠡ ᠠᠯᠬᠤᠮ ᠳᠦᠯᠬᠢᠨ ᠠᠬᠢᠭᠤᠯᠵᠦ᠂ ᠵᠢᠯ ᠤᠨ ᠳᠤᠳᠤᠷ᠎ᠠ ᠭᠠᠵᠠᠷ ᠰᠤᠩᠭᠤᠬᠤ ᠮᠡᠳᠡᠬᠦᠯᠦᠯᠳᠡ᠂ ᠨᠢᠰᠦᠯᠳᠡ ᠶᠢᠨ ᠡᠮᠬᠢ ᠳᠠᠷᠠᠭᠠᠯᠠᠯ ᠤᠨ ᠮᠡᠳᠡᠬᠦᠯᠦᠯᠳᠡ ᠶᠢ ᠬᠢᠨᠠᠨ ᠦᠨᠡᠯᠡᠬᠦᠯᠬᠦ ᠠᠵᠢᠯ ᠢ ᠪᠡᠶᠡᠯᠡᠬᠦᠯᠬᠦ ᠪᠠᠷ ᠴᠢᠷᠮᠠᠶᠢᠨ᠎ᠠ᠃ ᠤᠰᠤᠨ ᠠᠰᠢᠭᠯᠠᠯᠳᠠ ᠶᠢᠨ ᠲᠠᠯ᠎ᠠ ᠪᠠᠷ ᠭᠤᠷᠤᠬᠠᠨ ᠭᠤᠤᠯ ᠢ ᠵᠠᠰᠠᠬᠤ ᠢᠨᠵᠧᠨᠧᠷᠢᠩ ᠢ ᠦᠷᠬᠦᠯᠵᠢᠯᠡᠨ ᠰᠠᠶᠢᠳᠣᠷ ᠠᠳᠬᠤᠵᠣ᠂ ᠭᠤᠷᠤᠬᠠᠨ ᠤᠰᠤᠨ ᠴᠦᠬᠦᠷᠦᠮ ᠤᠨ ᠤᠰᠤ ᠬᠠᠩᠭᠠᠬᠤ ᠢᠨᠵᠧᠨᠧᠷᠢᠩ ᠢ ᠠᠵᠢᠯ ᠲᠠᠭᠤᠰᠬᠠᠨ᠎ᠠ᠃ ᠴᠠᠬᠢᠯᠭᠠᠨ ᠬᠦᠴᠦᠨ ᠤ ᠲᠠᠯ᠎ᠠ ᠪᠠᠷ ᠪᠤᠯᠠᠭ 500 ᠺᠢᠯᠣᠸᠣᠯᠲ ᠎ ᠶᠢᠨ ᠬᠦᠴᠦᠳᠡᠯ ᠦᠬᠡᠷᠡᠴᠢᠯᠡᠬᠦ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ ᠳᠦᠯᠬᠢᠨ ᠠᠬᠢᠭᠤᠯᠵᠦ᠂ ᠪᠤᠯᠠᠭ ᠠᠴᠠ ᠤᠯᠢᠶᠠᠰᠤᠳᠠᠢ ᠬᠦᠷᠬᠦ 220 ᠺᠢᠯᠣᠸᠣᠯᠲ ᠶᠢᠨ ᠬᠦᠴᠦᠳᠡᠯ ᠦᠬᠡᠷᠡᠴᠢᠯᠡᠬᠦ ᠢᠨᠵᠧᠨᠧᠷᠢᠩ ᠪᠠ ᠵᠢᠷ ᠤᠨ ᠭᠤᠤᠯ 110 ᠺᠢᠯᠣᠸᠣᠯᠲ ᠶᠢᠨ ᠬᠦᠴᠦᠳᠡᠯ ᠦᠬᠡᠷᠡᠴᠢᠯᠡᠬᠦ ᠦᠷᠳᠡᠭᠡ ᠶᠢᠨ 2 ᠳ᠋ᠤᠭᠠᠷ ᠭᠤᠤᠯ ᠬᠤᠪᠢᠷᠠᠭᠤᠯᠤᠨ ᠦᠷᠬᠡᠳᠬᠡᠬᠦ ᠢᠨᠵᠧᠨᠧᠷᠢᠩ ᠢ ᠢᠳᠡᠪᠬᠢᠳᠡᠢ ᠡᠬᠢᠯᠡᠬᠦᠯᠵᠦ᠂ 10 ᠺᠢᠯᠣᠸᠣᠯᠲ ᠠᠴᠠ ᠲᠣᠷᠣᠭᠰᠢᠬᠢ ᠴᠠᠬᠢᠯᠭᠠᠨ ᠵᠠᠮ ᠱᠣᠭᠤᠮ ᠤᠨ ᠢᠨᠵᠧᠨᠧᠷᠢᠩ ᠤᠨ ᠪᠦᠳᠣᠬᠡᠨ ᠪᠠᠶᠢᠭᠤᠯᠣᠯᠳᠠ ᠶᠢ ᠦᠷᠬᠦᠯᠵᠢᠯᠡᠨ ᠰᠠᠶᠢᠳᠤᠷ ᠠᠳᠬᠤᠵᠦ᠂ ᠴᠠᠬᠢᠯᠭᠠᠨ ᠬᠦᠴᠦᠨ ᠢ ᠲᠠᠰᠤᠷᠠᠯᠳᠠ ᠦᠬᠡᠢ ᠮᠠᠯᠵᠢᠬᠤ ᠤᠷᠤᠨ ᠵᠦᠭ ᠦᠷᠬᠡᠳᠬᠡᠨ᠎ᠡ  ᠃     ︵ᠳᠦᠷᠪᠡ︶ ︽ᠠᠷᠪᠠ ᠶᠢ ᠪᠦᠷᠬᠦᠬᠦᠯᠬᠦ︾  ᠢᠨᠵᠧᠨᠧᠷᠢᠩ ᠢ ᠰᠠᠶᠢᠳᠤᠷ ᠠᠳᠬᠤᠵᠦ᠂  ᠬᠤᠳᠠ ᠬᠦᠳᠡᠭᠡ ᠎ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ᠃  ᠳᠦᠯᠦᠪᠵᠢᠬᠦᠯᠬᠡ ᠶᠢ ᠨᠠᠶᠢᠷᠠᠭᠤᠯᠬᠤ᠂ ᠢᠨᠵᠧᠨᠧᠷᠢᠩ ᠤᠨ ᠳᠠᠭᠠᠭᠠᠯᠳᠠ ᠵᠠᠷᠯᠠᠬᠤ᠂ ᠭᠡᠷ᠎ᠡ ᠳᠤᠭᠳᠠᠬᠤ᠂ ᠪᠠᠷᠢᠯᠭ᠎ᠠ ᠶᠢᠨ ᠮᠠᠲ᠋ᠧᠷᠢᠶᠠᠯ ᠪᠡᠯᠡᠳᠬᠦ ᠵᠡᠷᠬᠡ ᠠᠵᠢᠯ ᠢ ᠰᠠᠶᠢᠳᠤᠷ ᠠᠳᠬᠤᠵᠦ᠂  ᠬᠠᠪᠤᠷ ᠳᠤᠯᠠᠭᠠᠷᠠᠭᠰᠠᠨ ᠤ ᠳᠠᠷᠠᠭ᠎ᠠ ᠪᠦᠬᠦ ᠲᠠᠯ᠎ᠠ ᠪᠠᠷ ᠠᠵᠢᠯ ᠡᠬᠢᠯᠡᠬᠦ ᠶᠢ ᠪᠠᠳᠤᠯᠠᠨ᠂ ᠦᠨᠳᠦᠷ ᠪᠠᠷᠢᠮᠵᠢᠶ᠎ᠠ᠂ ᠦᠨᠳᠦᠷ ᠴᠢᠨᠠᠷ ᠴᠢᠨᠰᠠᠭ᠎ᠠ ᠲᠠᠢ ᠪᠠᠷ ᠡᠬᠦᠷᠬᠡ ᠪᠠᠨ ᠪᠡᠶᠡᠯᠡᠬᠦᠯᠦᠨ᠎ᠡ᠃ ᠠᠶᠢᠮᠠᠭ ᠤᠨ ᠵᠠᠬᠢᠷᠭ᠎ᠠ ᠶᠢᠨ ᠳᠤᠷᠠᠳᠤᠭᠰᠠᠨ ᠮᠠᠯᠴᠢᠨ ᠡᠷᠦᠬᠡ ᠦᠪᠡᠷᠳᠡᠬᠡᠨ 30 %᠎ ᠶᠢᠨ ᠪᠡᠯᠡ ᠮᠦᠩᠬᠦ  ᠎ ᠶᠢ ᠭᠠᠷᠭᠠᠬᠤ ᠱᠠᠭᠠᠷᠳᠠᠯᠭ᠎ᠠ ᠶᠤᠰᠤᠭᠠᠷ᠂ ᠪᠡᠯᠡ ᠮᠦᠩᠬᠦ ᠴᠤᠭᠯᠠᠭᠤᠯᠬᠤ ᠪᠠ ᠳᠦᠷᠦᠯ ᠵᠦᠢᠯ ᠢ ᠨᠢᠬᠡᠳᠬᠡᠬᠦ ᠡᠷᠴᠢᠮ ᠢᠶᠠᠨ ᠴᠢᠩᠭᠠᠳᠬᠠᠵᠦ᠂ ᠪᠡᠯᠡ ᠮᠦᠩᠬᠦ ᠶᠢ ᠦᠨᠡᠨᠬᠦ ᠰᠠᠶᠢᠳᠤᠷ ᠬᠠᠮᠢᠶᠠᠷᠤᠨ ᠠᠰᠢᠭᠯᠠᠨ᠎ᠠ᠃ 2016 ᠣᠨ ᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠳᠤ 4.9 ᠳ᠋ᠦᠩᠰᠢᠭᠤᠷ ᠳᠦᠬᠦᠷᠢᠭ ᠵᠠᠷᠣᠴᠠᠭᠤᠯᠬᠤ ᠪᠠᠷ ᠲᠦᠯᠦᠪᠯᠡᠵᠣ᠂  8345 ᠰᠠᠭᠤᠷᠢ ᠠᠶᠣᠯᠳᠠᠢ ᠬᠡᠷ ᠪᠠᠶᠢᠰᠢᠩ ᠢ ᠵᠠᠰᠠᠨ ᠰᠠᠶᠢᠵᠢᠷᠠᠭᠤᠯᠣᠨ᠎ᠠ︔  ᠡᠬᠦᠨ ᠳᠤ᠂  ᠮᠠᠯᠵᠢᠬᠤ ᠤᠷᠤᠨ ᠤ ᠠᠶᠤᠯᠳᠠᠢ ᠬᠡᠷ ᠪᠠᠶᠢᠰᠢᠩ ᠤᠨ ᠳᠦᠷᠦᠯ ᠵᠦᠢᠯ 133᠂ ᠨᠡᠬᠦᠳᠡᠯ ᠠᠷᠠᠳ ᠤᠨ ᠠᠮᠤᠭᠤᠯᠠᠩ ᠤᠷᠤᠨ ᠰᠠᠭᠤᠴᠠ ᠶᠢᠨ ᠳᠦᠷᠦᠯ ᠵᠦᠢᠯ 555᠂ ᠠᠮᠢ ᠠᠬᠤᠢ ᠶᠢᠨ ᠨᠡᠬᠦᠳᠡᠯ ᠠᠷᠠᠳ ᠤᠨ ᠳᠦᠷᠦᠯ ᠵᠦᠢᠯ 92᠂ ᠰᠢᠨ᠎ᠡ ᠪᠠᠷ ᠪᠠᠶᠢᠭᠤᠯᠬᠤ ᠤᠷᠤᠨ ᠰᠠᠭᠤᠴᠠ 2126᠂ ᠵᠠᠰᠠᠨ ᠰᠠᠶᠢᠵᠢᠷᠠᠭᠤᠯᠬᠤ ᠤᠷᠤᠨ ᠰᠠᠭᠤᠴᠠ 5439 ᠪᠠᠭᠳᠠᠨ᠎ᠠ᠃ 203 ᠬᠤᠳᠳᠤᠭ ᠤᠬᠤᠵᠦ᠂ 100 ᠣᠰᠣ ᠬᠠᠳᠠᠭᠠᠯᠠᠬᠤ ᠵᠣᠭᠤᠷᠢ ᠮᠠᠯᠳᠠᠨ᠂ ᠤᠰᠤ ᠠᠷᠢᠭᠤᠳᠬᠠᠬᠤ ᠳᠦᠬᠦᠬᠡᠷᠤᠮᠵᠢ 200᠎ ᠶᠢ ᠤᠭᠰᠠᠷᠠᠨ᠎ᠠ︔ 30.4 ᠺᠢᠯᠤᠮᠧᠲᠷ ᠪᠦᠬᠦᠢ ᠵᠡᠬᠡᠯᠢ ᠭᠤᠳᠤᠮᠵᠢ ᠶᠢ ᠬᠠᠳᠠᠭᠤᠷᠠᠭᠤᠯᠤᠨ᠂ ᠭᠠᠴᠠᠭ᠎ᠠ ᠪᠣᠯᠭᠠᠨ ᠳᠤ ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠢᠶᠠᠷ 572 ᠡᠷᠣᠬᠡ ᠳᠤ ᠪᠠᠶᠢᠩᠭᠤ ᠶᠢᠨ ᠴᠠᠬᠢᠯᠭᠠᠨ ᠨᠡᠪᠳᠡᠷᠡᠬᠦᠯᠦᠨ᠂ 791 ᠢᠵᠢ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠲᠦᠭᠦᠭᠡᠷᠣᠮᠵᠢ ᠶᠢ ᠲᠡᠰᠵᠢᠬᠦᠯᠦᠨ᠎ᠡ᠃  ᠭᠠᠴᠠᠭ᠎ᠠ ᠳᠤᠰᠬᠤᠨ ᠳᠤ ᠨᠡᠪᠳᠡᠷᠡᠬᠦ ᠷᠠᠳᠢᠤ᠋ ᠲᠧᠯᠸᠢᠰ ᠴᠢᠮᠡᠭᠡ ᠬᠤᠯᠪᠣᠭᠠᠨ ᠤ ᠢᠨᠵᠧᠨᠧᠷᠢᠩ ᠢᠶᠠᠷ ᠭᠠᠴᠠᠭ᠎ᠠ ᠪᠤᠯᠭᠠᠨ ᠳᠤ ᠳᠠᠭᠤ ᠳᠤᠮᠤᠷᠠᠭᠤᠯᠤᠭᠴᠢ ᠳᠦᠬᠦᠬᠡᠷᠦᠮᠵᠢ 102᠎ ᠶᠢ ᠤᠭᠰᠠᠷᠠᠵᠦ᠂  5 ᠷᠠᠳᠢᠤ᠋ ᠲᠧᠯᠸᠢᠰ ᠤᠨ ᠲᠣᠬᠢᠶᠠᠨ ᠦᠷᠳᠡᠭᠡ ᠪᠠ 37 ᠣᠳᠠᠰᠣ ᠦᠬᠡᠢ ᠰᠦᠯᠵᠢᠶᠡᠨ ᠦᠷᠳᠡᠭᠡ ᠶᠢ ᠪᠠᠶᠢᠭᠤᠯᠵᠦ᠂  ᠮᠠᠯᠵᠢᠬᠤ ᠤᠷᠤᠨ ᠤ 1000 ᠡᠷᠦᠬᠡ ᠳᠤ ᠤᠳᠠᠰᠤ ᠦᠬᠡᠢ ᠰᠦᠯᠵᠢᠶ᠎ᠡ ᠨᠡᠪᠳᠡᠷᠬᠦᠯᠦᠨ᠎ᠡ︔ 6500 ᠲᠡᠭᠰᠢ ᠲᠦᠷᠪᠡᠯᠵᠢᠨ ᠮᠧᠲᠷ ᠤᠨ ᠲᠠᠯᠠᠪᠠᠢ ᠪᠦᠬᠦᠢ ᠬᠡᠣᠬᠡᠳ ᠤᠨ ᠴᠡᠴᠡᠷᠯᠢᠭ 1᠎ ᠶᠢ ᠰᠢᠨ᠎ᠡ ᠪᠠᠷ ᠪᠠᠶᠢᠭᠤᠯᠣᠨ᠎ᠠ︔ 11 ᠰᠠᠭᠤᠷᠢ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠢ ᠰᠢᠨ᠎ᠠ ᠪᠠᠷ ᠪᠠᠶᠢᠭᠤᠯᠤᠨ᠂ 4 ᠭᠠᠴᠠᠭᠠᠨ ᠤ ᠰᠣᠶᠣᠯ ᠤᠨ ᠦᠷᠣᠬᠡ ᠶᠢ ᠰᠢᠨ᠎ᠡ ᠪᠠᠷ ᠪᠠᠶᠢᠭᠤᠯᠵᠣ᠂ 23 ᠭᠠᠴᠠᠭᠠᠨ ᠤ ᠰᠣᠶᠣᠯ ᠤᠨ ᠦᠷᠣᠬᠡ ᠶᠢ ᠵᠠᠰᠠᠨ ᠰᠡᠯᠪᠢᠨ᠎ᠡ︔ 22 ᠠᠷᠠᠳ ᠲᠤ ᠲᠦᠭᠦᠮ ᠦᠵᠡᠬᠦᠯᠬᠦ ᠬᠤᠯᠪᠣᠭᠠᠳᠣ ᠲᠡᠯᠭᠡᠬᠦᠷ ᠪᠠᠶᠢᠭᠤᠯᠣᠨ᠎ᠠ᠃ ᠨᠡᠶᠢᠬᠡᠮ ᠤᠨ ᠪᠠᠳᠣᠯᠠᠭ᠎ᠠ ᠶᠢᠨ ᠲᠠᠯ᠎ᠠ ᠳᠤ 4700 ᠨᠡᠷᠡᠰ ᠬᠤᠳᠠ ᠬᠦᠳᠡᠬᠡᠨ ᠤ ᠰᠠᠭᠤᠭᠠᠯᠢ ᠠᠷᠠᠳ ᠲᠤ ᠨᠠᠰᠣᠵᠢᠯ ᠤᠨ ᠲᠠᠭᠠᠳᠬᠠᠯ ᠤᠨ ᠬᠦᠷᠳᠡᠮᠵᠢ ᠤᠯᠭᠤᠬᠤ ᠪᠠᠷ ᠳᠦᠯᠦᠪᠯᠡᠵᠦ᠂ 950 ᠨᠡᠷᠡᠰ ᠬᠤᠳᠠ ᠬᠦᠳᠡᠬᠡᠨ ᠤ ᠦᠨᠳᠦᠷ ᠨᠠᠰᠣᠳᠠᠶᠢᠴᠣᠳ ᠲᠤ ᠨᠦᠬᠦᠪᠦᠷᠢ ᠣᠯᠭᠤᠨ᠎ᠠ᠃ ᠡᠬᠦᠨ ᠤ ᠬᠠᠮᠳᠤ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠢ ᠶᠡᠷᠤᠩᠬᠡᠶᠢᠯᠡᠨ ᠵᠠᠰᠠᠬᠤ ᠪᠠ ᠪᠠᠶᠢᠩᠭᠤ ᠶᠢᠨ ᠴᠢᠨᠠᠷᠳᠠᠢ ᠬᠠᠮᠢᠶᠠᠷᠴᠦ ᠬᠠᠮᠠᠭᠠᠯᠠᠬᠤ ᠪᠠᠨ ᠦᠨᠡᠨᠬᠦ ᠰᠠᠶᠢᠳᠤᠷ ᠠᠳᠬᠤᠵᠦ᠂ ᠬᠠᠮᠢᠶᠠᠷᠴᠦ ᠬᠠᠮᠠᠭᠠᠯᠠᠬᠤ ᠭᠤᠤᠯ ᠴᠤᠭᠴᠠ᠂ ᠬᠢᠨᠠᠨ ᠬᠠᠮᠢᠶᠠᠷᠬᠤ ᠭᠤᠤᠯ ᠴᠤᠭᠴᠠ ᠶᠢ ᠳᠤᠳᠤᠷᠬᠠᠶᠢᠯᠠᠨ᠂ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠦᠷ᠎ᠡ ᠪᠦᠳᠦᠬᠡᠯ ᠢ ᠪᠠᠳᠤᠳᠬᠠᠨ᠎ᠠ᠃ 7.9 ᠳᠦᠮᠡᠨ ᠲᠡᠭᠰᠢ ᠲᠦᠷᠪᠡᠯᠵᠢᠨ ᠮᠧᠲᠷ ᠤᠨ ᠲᠠᠯᠠᠪᠠᠢ ᠪᠦᠬᠦᠢ 1173 ᠰᠠᠭᠤᠷᠢ ᠠᠶᠣᠯᠳᠠᠢ ᠬᠡᠷ ᠪᠠᠶᠢᠰᠢᠩ ᠢ ᠨᠣᠷᠠᠭᠠᠵᠣ᠂ 10.2 ᠲᠦᠮᠡᠨ ᠮᠧᠲᠷ ᠬᠦᠷᠢᠶ᠎ᠠ ᠶᠢ ᠰᠢᠨ᠎ᠡ ᠪᠠᠷ ᠤᠷᠳᠤᠳᠬᠠᠨ ᠪᠠᠶᠢᠭᠤᠯᠤᠨ᠂ 323 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠲᠠᠯᠠᠪᠠᠢ ᠪᠦᠬᠦᠢ ᠤᠷᠴᠢᠨ ᠳᠤᠭᠤᠷᠢᠨ ᠢ ᠴᠡᠪᠡᠷᠯᠡᠵᠦ᠂ 1740 ᠳᠡᠭᠰᠢ ᠳᠦᠷᠪᠡᠯᠵᠢᠨ ᠮᠧᠲᠷ ᠤᠨ ᠰᠤᠶᠤᠯ ᠤᠨ ᠠᠭᠤᠯᠭ᠎ᠠ ᠪᠦᠬᠦᠢ ᠬᠡᠷᠡᠮ ᠬᠠᠨ᠎ᠠ ᠶᠢ ᠰᠢᠨ᠎ᠡ ᠪᠠᠷ ᠪᠠᠶᠢᠭᠤᠯᠤᠨ᠂ 7.6 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠤᠨ ᠬᠠᠵᠠᠭᠤ ᠎ ᠶᠢ ᠬᠠᠳᠠᠭᠤᠷᠠᠭᠤᠯᠵᠦ  ᠂ 22 ᠰᠠᠭᠤᠷᠢ ᠬᠤᠭ ᠬᠠᠶᠠᠬᠤ ᠭᠠᠵᠠᠷ᠂ 111 ᠰᠠᠭᠤᠷᠢ ᠨᠡᠶᠢᠳᠠ ᠶᠢᠨ ᠵᠣᠷᠯᠦᠩ ᠢ ᠰᠢᠨ᠎ᠠ ᠪᠠᠷ ᠪᠠᠶᠢᠭᠤᠯᠣᠨ᠎ᠠ᠃     ︵ᠳᠠᠪᠤ︶ ᠠᠷᠠᠳ ᠤᠨ ᠠᠮᠢᠳᠣᠷᠠᠯ ᠢ ᠣᠯᠠᠮ ᠨᠢᠬᠡ ᠠᠯᠬᠤᠮ ᠪᠠᠳᠣᠯᠠᠨ ᠰᠠᠶᠢᠵᠢᠷᠠᠭᠤᠯᠣᠨ᠎ᠠ᠃  ᠠᠷᠠᠳ ᠤᠨ ᠠᠮᠢᠳᠣᠷᠠᠯ ᠢ ᠲᠡᠭᠡᠭᠰᠢᠯᠡᠬᠦᠯᠬᠦ ᠶᠢ ᠪᠠᠷᠢᠮᠳᠠᠯᠠᠨ᠂  ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠳᠤᠷ ᠠᠳᠬᠤᠵᠦ᠂ ᠰᠣᠶᠣᠯ᠂ ᠰᠣᠷᠭᠠᠨ ᠬᠦᠮᠦᠵᠢᠯ᠂ ᠡᠷᠡᠬᠦᠯ ᠬᠠᠮᠠᠭᠠᠯᠠᠯ ᠤᠨ ᠠᠵᠢᠯ ᠦᠢᠯᠡᠰ ᠤᠨ ᠬᠦᠭᠵᠢᠯᠳᠠ ᠶᠢ ᠠᠬᠢᠭᠤᠯᠣᠨ᠂ ᠦᠢᠯᠡᠴᠢᠯᠡᠬᠡᠨ ᠤ ᠳᠡᠩᠴᠡᠬᠦᠷᠢᠰᠢᠯᠳᠡ ᠶᠢᠨ ᠲᠦᠪᠰᠢᠨ ᠢ ᠲᠡᠭᠡᠭᠰᠢᠯᠡᠬᠦᠯᠦᠨ᠂ ᠣᠯᠠᠨ ᠲᠦᠮᠡᠨ ᠤ ᠡᠳᠣᠷ ᠢᠷᠡᠬᠦᠶ᠎ᠠ ᠱᠠᠭᠠᠷᠳᠠᠭᠳᠠᠵᠣ ᠪᠠᠶᠢᠭ᠎ᠠ ᠪᠣᠳᠠᠰ ᠤᠨ ᠰᠣᠶᠣᠯ ᠤᠨ ᠱᠠᠭᠠᠷᠳᠠᠯᠭ᠎ᠠ ᠶᠢ ᠲᠠᠰᠣᠷᠠᠯᠳᠠ ᠦᠬᠡᠢ ᠬᠠᠩᠭᠠᠨ᠎ᠠ᠃     ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠬᠢᠨ᠎ᠡ᠃  ︽ᠵᠢᠷᠭᠤᠭᠠᠨ ᠨᠠᠷᠢᠨ ᠤᠨᠤᠪᠴᠢᠳᠡᠢ︾᠂ ︽ᠲᠠᠪᠦᠨ ᠨᠢᠬᠡ ᠪᠦᠯᠦᠭ︾ ᠨᠠᠷᠢᠨ ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ ᠴᠢᠭᠯᠡᠯᠳᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠬᠦᠳᠡᠯᠦᠩᠬᠦᠢ ᠬᠠᠮᠢᠶᠠᠷᠤᠯᠳᠠ ᠶᠢ ᠴᠢᠩᠭᠠᠳᠬᠠᠨ᠂ ᠡᠳ᠋ ᠪᠤᠳᠠᠰ ᠢᠶᠠᠷ ᠳᠡᠳᠬᠦᠬᠦ ᠶᠢᠨ ᠬᠠᠮᠳᠤ ᠤᠶᠤᠨ ᠰᠠᠨᠠᠭᠠᠨ ᠤ ᠠᠵᠢᠯ ᠢ ᠰᠠᠶᠢᠳᠤᠷ ᠬᠢᠵᠦ᠂ ᠦᠨᠡᠨᠬᠦ ᠶᠠᠳᠠᠭᠤ ᠠᠴᠠ ᠠᠩᠬᠢᠵᠢᠷᠠᠭᠤᠯᠤᠨ᠂ ᠦᠨᠡᠨᠬᠦ ᠶᠠᠳᠠᠭᠤ ᠶᠢ ᠳᠡᠳᠬᠦᠬᠦ ᠶᠢ ᠪᠠᠳᠤᠯᠠᠵᠦ᠂ ︽ᠬᠤᠶᠠᠷ ᠲᠤ ᠵᠤᠪᠠᠭ᠋ᠤ ᠦᠬᠡᠢ᠂ ᠭᠤᠷᠪᠠ ᠶᠢ ᠪᠠᠳᠤᠯᠠᠬᠤ︾ ︵ᠢᠳᠡᠵᠦ᠂ ᠡᠮᠦᠰᠬᠦ ᠳᠤ ᠵᠤᠪᠠᠭ᠋ᠤ ᠦᠬᠡᠢ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ᠂ ᠤᠷᠤᠨ ᠰᠠᠭᠤᠴᠠ ᠶᠢ ᠪᠠᠳᠤᠯᠬᠠᠤ︶ ᠬᠠᠷᠠᠯᠳᠠ ᠶᠢ ᠪᠡᠶᠡᠯᠡᠬᠦᠯᠦᠨ᠎ᠡ᠃ ᠡᠳ᠋ ᠤᠨ ᠵᠠᠰᠠᠭ ᠢᠶᠠᠷ ᠶᠠᠳᠠᠭᠤ ᠶᠢ ᠳᠡᠳᠬᠦᠬᠦ ᠡᠷᠴᠢᠮ ᠢᠶᠠᠨ ᠤᠯᠠᠮ ᠨᠢᠬᠡ ᠠᠯᠬᠤᠮ ᠴᠢᠩᠭᠠᠳᠬᠠᠵᠦ᠂ 2016 ᠤᠨ ᠳᠤ 1000 ᠳᠦᠮᠡᠨ ᠳᠦᠬᠦᠷᠢᠭ ᠪᠡᠯᠡ ᠤᠷᠤᠭᠤᠯᠬᠤ ᠪᠠᠷ ᠳᠦᠯᠦᠪᠯᠡᠵᠦ᠂ ᠶᠠᠳᠠᠭᠤ ᠬᠦᠴᠢᠷᠳᠡᠯᠳᠡᠢ ᠮᠠᠯᠴᠢᠨ ᠡᠷᠦᠬᠡ ᠶᠢᠨ ᠮᠠᠯ ᠠᠵᠤ ᠠᠬᠤᠢ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ᠂ ᠠᠵᠤ ᠦᠢᠯᠡᠰ ᠤᠨ ᠬᠦᠭᠵᠢᠯᠳᠡ ᠵᠡᠷᠬᠡ ᠲᠠᠯ᠎ᠠ ᠳᠤ ᠳᠡᠮᠵᠢᠯᠬᠡ ᠦᠵᠡᠬᠦᠯᠦᠨ᠂ ᠠᠮᠢᠳᠤᠷᠠᠯ ᠤᠨ ᠳᠠᠷᠤᠭᠠᠰᠤ ᠶᠢ ᠨᠢ ᠬᠦᠩᠬᠡᠯᠡᠨ᠎ᠡ᠃ 90 ᠲᠦᠮᠡᠨ ᠲᠦᠭᠦᠷᠢᠭ ᠤᠨ ᠪᠡᠯᠡ ᠮᠦᠩᠬᠦ ᠭᠠᠷᠭᠠᠵᠦ᠂ ︽ᠭᠤᠷᠪᠠ ᠶᠢ ᠭᠠᠴᠠᠭ᠎ᠠ ᠳᠤᠰᠬᠤᠨ ᠡᠷᠦᠬᠡ ᠳᠤ ᠬᠦᠷᠬᠡᠬᠦ︾ ᠳᠦᠷᠦᠯ ᠵᠦᠢᠯ ᠤᠨ ᠵᠢᠬᠡᠯᠡᠯᠬᠡ ᠶᠢᠨ ᠬᠦᠣ ᠮᠦᠩᠬᠦ ᠳᠤ ᠨᠦᠬᠦᠪᠦᠷᠢ ᠦᠭᠬᠦ ᠪᠠᠷ ᠳᠦᠯᠦᠪᠯᠡᠵᠦ ᠪᠠᠶᠢᠨ᠎ᠠ᠃ ︽ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠨ ᠠᠷᠠᠳ ᠢ ᠴᠢᠨᠡᠬᠡᠯᠢᠭᠵᠢᠬᠦᠯᠬᠦ ᠢᠨᠵᠧᠨᠧᠷᠢᠩ︾᠎ ᠢᠶᠠᠷ ᠳᠠᠮᠵᠢᠨ᠂ 6 ᠰᠤᠮᠤ ︵ᠪᠠᠯᠭᠠᠰᠤ︶᠎ ᠶᠢᠨ 12 ᠭᠠᠴᠠᠭᠠᠨ ᠳᠤ 5200 ᠳᠦᠮᠡᠨ ᠳᠦᠬᠦᠷᠢᠭ ᠤᠨ ᠵᠢᠬᠡᠯᠡᠯᠬᠡ ᠳᠠᠯᠪᠢᠬᠤ ᠪᠠᠷ ᠳᠦᠯᠦᠪᠯᠡᠵᠦ ᠪᠠᠶᠢᠨ᠎ᠠ᠃ ᠮᠠᠯᠵᠢᠬᠤ ᠤᠷᠤᠨ ᠤ ᠬᠦᠳᠡᠯᠮᠦᠷᠢ ᠬᠦᠴᠦᠨ ᠢ ᠰᠢᠯᠵᠢᠬᠦᠯᠦᠨ ᠪᠤᠯᠪᠠᠰᠤᠷᠠᠯ ᠬᠦᠷᠳᠡᠬᠡᠬᠦ ᠠᠵᠢᠯ ᠢ ᠴᠢᠩᠭᠠᠳᠬᠠᠵᠦ᠂ ᠮᠠᠯᠵᠢᠬᠤ ᠤᠷᠤᠨ ᠤ 200 ᠬᠦᠳᠡᠯᠮᠦᠷᠢ ᠬᠦᠴᠦᠨ ᠳᠤ ᠪᠤᠯᠪᠠᠰᠤᠷᠠᠯ ᠬᠦᠷᠳᠡᠬᠡᠬᠦ ᠪᠠᠷ ᠳᠦᠯᠦᠪᠯᠡᠵᠦ ᠪᠠᠶᠢᠨ᠎ᠠ᠃ ᠠᠶᠢᠮᠠᠭ ᠱᠠᠳᠣᠨ ᠤ ᠬᠦᠴᠢᠷᠳᠡᠯᠳᠠᠢ ᠬᠡᠷ ᠪᠦᠯᠢ ᠳᠤ ᠳᠠᠩᠰᠠ ᠡᠪᠬᠡᠮᠡᠯ ᠪᠠᠶᠢᠭᠤᠯᠬᠤ ᠠᠵᠢᠯ ᠢ ᠪᠡᠶᠡᠯᠡᠬᠦᠯᠵᠦ᠂ ᠬᠠᠨᠳᠤᠯᠭᠠᠳᠤ ᠴᠢᠨᠠᠷᠳᠠᠢ ᠠᠷᠭ᠎ᠠ ᠬᠡᠮᠵᠢᠶ᠎ᠡ ᠶᠢ ᠠᠪᠴᠦ᠂ ᠶᠠᠳᠠᠭᠤ ᠶᠢ ᠨᠠᠷᠢᠨ ᠤᠨᠤᠪᠴᠢᠳᠠᠢ ᠳᠡᠳᠬᠦᠬᠦ ᠶᠢ ᠪᠠᠳᠤᠯᠠᠨ᠂ 133 ᠡᠷᠦᠬᠡ ᠶᠢᠨ 406 ᠬᠦᠮᠦᠨ ᠢ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠤᠨ᠎ᠠ᠃     ᠡᠳ᠋ ᠤᠨ ᠵᠠᠰᠠᠭ ᠤᠨ ᠭᠠᠶᠢᠯᠢ᠂ ᠬᠢᠨᠠᠨ ᠪᠤᠳᠤᠯᠳᠠ᠂ ᠮᠦᠩᠬᠦᠨ ᠬᠦᠢᠯᠬᠡᠬᠡᠨ ᠤ ᠠᠵᠢᠯ ᠢ ᠰᠠᠶᠢᠳᠤᠷ ᠬᠢᠨ᠎ᠡ᠃ ᠭᠠᠶᠢᠯᠢ ᠶᠢᠨ ᠢᠷᠡᠯᠳᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠤᠷᠤᠯᠭ᠎ᠠ ᠶᠢᠨ ᠢᠷᠡᠯᠳᠡ ᠶᠢ ᠨᠢ ᠦᠷᠬᠡᠳᠬᠡᠨ᠂ ᠭᠠᠶᠢᠯᠢ ᠦᠷᠢᠳᠦᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠨ᠂ ᠬᠤᠷᠢᠶᠠᠬᠤ ᠵᠤᠬᠢᠰᠳᠠᠢ ᠶᠢ ᠨᠢ ᠪᠦᠬᠦᠨ ᠢ ᠬᠤᠷᠢᠶᠠᠵᠦ᠂  ᠪᠦᠬᠦ ᠵᠢᠯ ᠤᠨ ᠡᠬᠦᠷᠬᠡ ᠬᠠᠷᠠᠯᠳᠠ ᠪᠠᠨ ᠪᠡᠶᠡᠯᠡᠬᠦᠯᠬᠦ ᠶᠢ ᠪᠠᠳᠤᠯᠠᠨ᠎ᠠ᠃ ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠤᠯᠠᠮ ᠨᠢᠬᠡ ᠠᠯᠬᠤᠮ ᠠᠬᠢᠭᠤᠯᠵᠦ᠂ ᠡᠳ᠋ ᠤᠨ ᠵᠠᠰᠠᠭ ᠤᠨ ᠡᠬᠢ ᠪᠠᠶᠠᠯᠢᠭ ᠤᠨ ᠳᠤᠬᠢᠷᠠᠭᠤᠯᠤᠯᠳᠠ ᠶᠢ ᠰᠢᠯᠢᠳᠡᠭᠵᠢᠬᠦᠯᠤᠨ᠂ ᠳᠦᠰᠦᠪᠯᠡᠨ ᠪᠤᠳᠤᠬᠤ ᠬᠠᠮᠢᠶᠠᠷᠤᠯᠳᠠ ᠶᠢ ᠴᠢᠩᠭᠠᠳᠬᠠᠵᠤ᠂ ᠳᠦᠰᠦᠪᠯᠡᠨ ᠪᠤᠳᠤᠯᠳᠠ ᠪᠠ ᠳᠦᠰᠦᠪ ᠤᠨ ᠬᠦᠢᠴᠡᠳᠬᠡᠯ ᠢ ᠢᠯᠡ ᠨᠡᠶᠢᠳᠡᠯᠡᠬᠦ ᠬᠦᠴᠦᠯᠡᠴᠡ ᠪᠠᠨ ᠨᠡᠮᠡᠭᠳᠡᠬᠦᠯᠦᠨ᠎ᠡ᠃ ᠳᠦᠰᠦᠪᠯᠡᠨ ᠪᠤᠳᠤᠬᠤ ᠦᠷ᠎ᠡ ᠪᠦᠳᠦᠮᠵᠢ ᠶᠢᠨ ᠬᠠᠮᠢᠶᠠᠷᠤᠯᠳᠠ ᠶᠢ ᠠᠬᠢᠭᠤᠯᠵᠦ᠂ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠠᠨ ᠲᠦᠷᠦᠯ ᠵᠦᠢᠯ ᠪᠦᠬᠦᠨ ᠳᠤ ᠦᠨᠡᠯᠡᠯᠳᠡ ᠬᠢᠵᠦ᠂ ᠵᠠᠰᠠᠭ ᠵᠠᠬᠢᠷᠭᠠᠨ ᠤ ᠪᠠᠶᠢᠴᠠᠭᠠᠯᠳᠠ ᠪᠠ ᠬᠢᠨᠠᠨ ᠪᠤᠳᠤᠯᠳᠠ ᠶᠢᠨ ᠬᠢᠨᠠᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠳᠦᠪ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ᠂ ᠪᠦᠬᠦ ᠠᠶᠢᠮᠠᠭ ᠤᠨ ᠵᠠᠰᠠᠭ ᠤᠨ ᠤᠷᠳᠤᠨ ᠤ ᠦᠷᠢ ᠦᠭᠴᠢᠬᠡ ᠶᠢᠨ ᠬᠠᠮᠢᠶᠠᠷᠤᠯᠳᠠ ᠶᠢ ᠴᠢᠩᠭᠠᠳᠬᠠᠤ ᠳᠤᠬᠠᠢ ᠡᠯ᠎ᠡ ᠵᠦᠢᠯ ᠤᠨ ᠳᠦᠷᠦ ᠶᠢᠨ ᠪᠤᠳᠤᠯᠭ᠎ᠠ ᠳᠤᠭᠳᠠᠭᠠᠯ ᠢ ᠳᠦᠪ ᠴᠢᠩᠭ᠎ᠠ ᠬᠡᠷᠡᠭᠵᠢᠬᠦᠯᠵᠦ᠂ ᠦᠷᠢ ᠦᠭᠴᠡᠬᠡᠨ ᠤ ᠦᠢᠯᠡ ᠠᠵᠢᠯᠯᠠᠭ᠎ᠠ ᠶᠢ ᠳᠦᠷᠢᠮᠵᠢᠬᠦᠯᠦᠨ᠂ ᠲᠦᠭᠰᠢᠭᠦᠷᠢ ᠶᠢ ᠨᠢ ᠬᠢᠵᠠᠭᠠᠷᠯᠠᠨ᠎ᠠ᠃     ᠰᠣᠷᠭᠠᠨ ᠬᠦᠮᠦᠵᠢᠯ ᠢ ᠣᠷᠢᠳᠴᠢᠯᠠᠨ ᠬᠦᠭᠵᠢᠬᠦᠯᠦᠨ᠎ᠡ᠃ ᠰᠣᠷᠭᠠᠨ ᠬᠦᠮᠦᠵᠢᠯ ᠤᠨ ᠶᠠᠰᠣ ᠴᠢᠨᠠᠷ ᠢ ᠲᠡᠭᠡᠭᠰᠢᠯᠡᠬᠦᠯᠬᠦ ᠲᠠᠪᠣᠨ ᠵᠢᠯ ᠤᠨ ᠲᠦᠯᠦᠪᠯᠡᠭᠡ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠰᠣᠷᠭᠠᠨ ᠬᠦᠮᠦᠵᠢᠯ ᠤᠨ ᠶᠠᠰᠣ ᠴᠢᠨᠠᠷ ᠪᠠ ᠰᠤᠷᠤᠭᠴᠢᠳ ᠤᠨ ᠬᠡᠪ ᠴᠢᠨᠠᠷ ᠢ ᠳᠡᠬᠡᠭᠰᠢᠯᠡᠬᠦᠯᠬᠦ ᠶᠢ ᠬᠠᠮᠳᠤ ᠳᠤᠨᠢ ᠠᠳᠬᠤᠵᠦ᠂  ᠪᠠᠶᠢᠭᠠᠯᠢ ᠶᠢᠨ ᠰᠢᠨᠵᠢᠯᠡᠬᠦ ᠣᠬᠠᠭᠠᠨ ᠤ ᠰᠣᠷᠭᠠᠨ ᠬᠦᠮᠦᠵᠢᠯ ᠤᠨ ᠠᠵᠢᠯ ᠢ ᠣᠯᠠᠮ ᠨᠢᠬᠡ ᠠᠯᠬᠤᠮ ᠳᠤᠪᠤᠶᠢᠯᠭᠠᠨ᠎ᠠ᠃ ᠰᠣᠷᠭᠠᠨ ᠬᠦᠮᠦᠵᠢᠯ ᠤᠨ ᠠᠵᠢᠯ ᠦᠢᠯᠡᠰ ᠤᠨ ᠬᠦᠭᠵᠢᠯᠳᠡ ᠶᠢᠨ ᠬᠢᠷᠢ ᠳᠦᠪᠰᠢᠨ ᠢ ᠪᠦᠬᠦ ᠲᠠᠯ᠎ᠠ ᠎ ᠪᠠᠷ ᠳᠡᠬᠡᠭᠰᠢᠯᠡᠬᠦᠯᠦᠨ᠂ ᠦᠨᠳᠦᠷ ᠶᠠᠰᠤ ᠴᠢᠨᠠᠷ ᠲᠠᠢ ᠰᠣᠷᠬᠤ ᠨᠠᠰᠣᠨ ᠠᠴᠠ ᠡᠮᠣᠨᠡᠬᠢ ᠰᠣᠷᠭᠠᠨ ᠬᠦᠮᠦᠵᠢᠯ ᠢ ᠬᠦᠭᠵᠢᠬᠦᠯᠦᠨ᠂ ᠠᠯᠪᠠᠨ ᠠᠴᠠ ᠡᠷᠬᠢᠯᠡᠬᠦ ᠪᠠᠷ ᠭᠤᠤᠯ ᠪᠤᠯᠭᠠᠨ᠂ ᠠᠷᠠᠳ ᠠᠴᠠ ᠡᠷᠬᠢᠯᠡᠭᠰᠡᠨ ᠴᠡᠴᠡᠷᠯᠢᠭ ᠤᠨ ᠬᠦᠭᠵᠢᠯᠳᠡ ᠶᠢ ᠳᠡᠮᠵᠢᠬᠦ ᠶᠢᠨ ᠬᠠᠮᠳᠤ ᠳᠦᠷᠢᠮᠵᠢᠬᠦᠯᠵᠦ᠂  ᠰᠤᠷᠬᠤ ᠨᠠᠰᠣᠨ ᠠᠴᠠ ᠡᠮᠣᠨᠡᠬᠢ ᠬᠡᠤᠬᠡᠳ ᠤᠨ ᠬᠦᠮᠦᠵᠢᠯ ᠤᠨ ᠵᠤᠬᠢᠴᠠᠮᠵᠢ ᠶᠢ ᠡᠷᠢᠯᠬᠢᠯᠡᠵᠦ᠂ ᠪᠠᠯᠭᠠᠷ ᠬᠡᠣᠬᠡᠳ ᠤᠨ ᠴᠡᠴᠡᠷᠯᠢᠭ ᠢ ᠦᠪᠡᠷᠳᠡᠬᠡᠨ ᠵᠠᠰᠠᠬᠤ ᠣᠷᠣᠨ ᠤ ᠨᠢᠬᠡᠳᠣᠬᠡᠷ ᠲᠦᠷᠦᠯ ᠤᠨ ᠬᠡᠣᠬᠡᠳ ᠤᠨ ᠴᠡᠴᠡᠷᠯᠢᠭ᠂ ᠪᠠᠷᠠᠭᠤᠨ ᠦᠵᠣᠮᠣᠴᠢᠨ ᠬᠤᠰᠢᠭᠤᠨ ᠤ ᠬᠡᠣᠬᠡᠳ ᠤᠨ ᠴᠡᠴᠡᠷᠯᠢᠭ ᠢ ᠦᠪᠡᠷᠳᠡᠬᠡᠨ ᠵᠠᠰᠠᠬᠤ ᠣᠷᠣᠨ ᠤ ᠵᠢᠱᠢᠶ᠎ᠡ ᠦᠵᠡᠬᠦᠯᠬᠦ ᠬᠡᠣᠬᠡᠳ ᠤᠨ ᠴᠡᠴᠡᠷᠯᠢᠭ ᠪᠣᠯᠭᠠᠨ ᠪᠦᠳᠣᠬᠡᠨ ᠪᠠᠶᠢᠭᠤᠯᠣᠨ᠎ᠠ᠃ ᠪᠦᠬᠦ ᠣᠯᠣᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠡᠩᠴᠡᠭᠦᠷᠢᠳᠠᠢ ᠬᠦᠭᠵᠢᠯᠳᠠ ᠎ ᠶᠢᠨ ᠬᠤᠰᠢᠭᠤ  ︵ᠰᠢᠶᠠᠨ︶᠎ ᠤ ᠦᠷ᠎ᠠ ᠪᠦᠳᠦᠬᠡᠯ ᠢ ᠪᠠᠬᠢᠵᠢᠬᠦᠯᠦᠨ᠂ ᠠᠯᠪᠠᠨ ᠵᠢᠷᠣᠮ ᠤᠨ ᠰᠣᠷᠭᠠᠨ ᠬᠦᠮᠦᠵᠢᠯ ᠎ ᠤᠨ ᠵᠢᠭᠠᠨ ᠰᠤᠷᠭᠠᠯᠳᠠ ᠶᠢᠨ ᠬᠢᠷᠢ ᠳᠦᠪᠰᠢᠨ ᠢ ᠲᠡᠭᠡᠭᠰᠢᠯᠡᠬᠦᠯᠦᠨ᠎ᠡ᠃  ᠡᠩ ᠤᠨ ᠦᠨᠳᠦᠷ ᠵᠡᠷᠬᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠬᠡᠭᠰᠢᠯᠡᠬᠦᠯᠵᠦ᠂  ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠳᠠ ᠶᠢᠨ ᠠᠵᠢᠯ ᠢ ᠦᠷᠬᠦᠯᠵᠢᠯᠡᠨ ᠰᠠᠶᠢᠳᠤᠷ ᠠᠳᠬᠤᠵᠦ᠂ ᠦᠨᠳᠦᠷ ᠵᠡᠷᠬᠡ ᠎ ᠶᠢᠨ ᠳᠤᠮᠳᠠᠳᠤ ᠰᠤᠷᠭᠠᠭᠤᠯᠢ ᠶᠢᠨ ᠱᠠᠳᠤᠨ ᠳᠠᠬᠢ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠦᠨᠡᠨᠬᠦ ᠴᠢᠩᠭᠠᠳᠬᠠᠨ᠎ᠠ᠃ ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠠᠪᠠᠷ ᠭᠤᠤᠯᠳᠠᠯᠭ᠎ᠠ ᠲᠠᠢ ᠬᠦᠭᠵᠢᠬᠦᠯᠦᠨ᠎ᠡ᠃ ᠤᠨᠴᠠᠭᠠᠢ ᠰᠤᠷᠭᠠᠨ ᠬᠦᠮᠦᠵᠢᠯ ᠢ ᠴᠢᠩᠭᠠᠳᠬᠠᠵᠦ᠂ ᠭᠤᠷᠪᠠᠨ ᠳᠦᠷᠦᠯ ᠤᠨ ᠵᠡᠮᠳᠡᠭ ᠬᠡᠤᠬᠡᠳ ᠤᠨ ᠠᠩᠬᠢ ᠲᠠᠭᠠᠨ ᠰᠤᠷᠤᠯᠴᠠᠬᠤ ᠶᠢ ᠪᠠᠳᠤᠯᠠᠨ᠎ᠠ᠃ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠂  ᠰᠤᠷᠭᠠᠭᠤᠯᠢ ᠶᠢᠨ ᠵᠠᠬᠢᠷᠤᠯ ᠪᠠ ᠡᠷᠳᠡᠮ ᠰᠢᠨᠵᠢᠯᠡᠬᠡᠨ ᠤ ᠳᠠᠭᠠᠭᠤᠯᠤᠭᠴᠢ ᠶᠢᠨ ᠴᠤᠭᠴᠠᠯᠠᠯᠳᠠ ᠶᠢ ᠴᠢᠩᠭᠠᠳᠬᠠᠵᠦ᠂ ᠪᠠᠭᠰᠢ ᠶᠢᠨ ᠡᠩᠨᠡᠬᠡᠨ ᠤ ᠪᠦᠬᠦᠯᠢ ᠴᠤᠭᠴᠠ ᠶᠢᠨ ᠬᠡᠪ ᠪᠤᠯᠪᠠᠰᠤᠷᠠᠯ ᠢ ᠳᠡᠬᠡᠭᠰᠢᠯᠡᠬᠦᠯᠦᠨ᠎ᠡ᠃ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠎ ᠶᠢᠨ ᠠᠵᠢᠯᠯᠠᠭ᠎ᠠ ᠶᠢ ᠣᠯᠠᠮ ᠨᠢᠬᠡ ᠠᠯᠬᠤᠮ ᠠᠬᠢᠭᠤᠯᠵᠣ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠠᠩᠬᠢ ᠪᠠ ᠰᠤᠷᠭᠠᠭᠴᠢ ᠶᠢᠨ ᠡᠩᠨᠡᠬᠡᠨ ᠤ ᠳᠤᠰᠬᠠᠢ ᠮᠡᠷᠬᠡᠵᠢᠭᠰᠡᠨ ᠳᠦᠪᠰᠢᠨ ᠢ ᠳᠡᠬᠡᠭᠰᠢᠯᠡᠬᠦᠯᠦᠨ᠂  ᠤᠯᠤᠰ ᠤᠨ ᠳᠡᠰ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠬᠡᠨ ᠤ ᠤᠨᠴᠠᠯᠢᠭᠳᠤ ᠰᠤᠷᠭᠠᠭᠤᠯᠢ ᠶᠢᠨ ᠱᠠᠭᠠᠷᠳᠠᠯᠭ᠎ᠠ ᠪᠠᠷ ᠮᠠᠨ ᠤ ᠬᠤᠰᠢᠭᠤᠨ ᠤ ᠬᠦᠯ ᠪᠦᠮᠪᠦᠬᠡᠨ ᠤ ᠠᠵᠢᠯ ᠢ ᠳᠦᠯᠬᠢᠨ ᠠᠬᠢᠭᠤᠯᠵᠦ᠂ ᠶᠡᠷᠦᠩᠬᠡᠶᠢᠯᠡᠭᠰᠡᠨ ᠦᠨᠳᠣᠷ ᠵᠡᠷᠬᠡ ᠎ ᠶᠢᠨ ᠲᠣᠮᠳᠠᠳᠣ ᠰᠣᠷᠭᠠᠭᠤᠯᠢ ᠪᠠ ᠬᠤᠶᠠᠳᠣᠭᠠᠷ ᠲᠣᠮᠳᠠᠳᠣ ᠰᠣᠷᠭᠠᠭᠤᠯᠢ ᠶᠢᠨ ᠲᠠᠮᠢᠷ ᠤᠨ ᠲᠠᠯᠠᠪᠣᠷ ᠢ ᠰᠢᠨ᠎ᠡ ᠪᠠᠷ ᠪᠠᠶᠢᠭᠤᠯᠤᠨ᠎ᠠ᠃ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠢ ᠤᠯᠠᠮ ᠨᠢᠬᠡ ᠠᠯᠬᠤᠮ ᠴᠢᠩᠭᠠᠳᠬᠠᠨ᠎ᠠ᠃     ᠦᠢᠯᠡᠰ ᠪᠣᠰᠬᠠᠬᠤ ᠠᠵᠢᠯ ᠣᠯᠭᠤᠯᠳᠠ ᠶᠢ ᠴᠢᠩᠭ᠎ᠠ ᠠᠳᠬᠤᠨ᠎ᠠ᠃  ᠪᠠᠭ᠎ᠠ ᠬᠡᠮᠵᠢᠶᠡᠨ ᠤ ᠪᠠᠳᠤᠯᠠᠭᠠᠳᠤ ᠵᠢᠭᠡᠯᠡᠯᠭᠡ ᠲᠠᠯᠪᠢᠬᠤ ᠠᠵᠢᠯ ᠢ ᠰᠠᠶᠢᠳᠤᠷ ᠬᠢᠵᠤ᠂ 2016 ᠣᠨ ᠳᠤ 5000 ᠲᠦᠮᠡᠨ ᠲᠥᠬᠦᠷᠢᠭ ᠠᠴᠠ ᠲᠡᠭᠡᠭᠰᠢ ᠦᠢᠯᠡᠰ ᠪᠣᠰᠬᠠᠬᠤ ᠵᠢᠭᠡᠯᠡᠯᠭᠡ ᠲᠠᠯᠪᠢᠬᠤ ᠪᠠᠷ ᠲᠥᠯᠦᠪᠯᠡᠨ᠂  600 ᠨᠡᠷᠡᠰ ᠠᠵᠢᠯ ᠤᠯᠭᠤᠬᠤ ᠶᠢ ᠳᠠᠶᠢᠴᠢᠯᠠᠭᠰᠨᠨ ᠦᠷ᠎ᠡ ᠪᠦᠳᠦᠬᠡᠯ ᠨᠢ ᠰᠠᠶᠢᠨ ᠦᠢᠯᠡᠰ ᠪᠤᠰᠬᠠᠭᠴᠢ ᠵᠢᠴᠢ ᠡᠵᠡᠩᠨᠡᠯᠳᠡ ᠨᠢ ᠳᠤᠭᠳᠠᠭᠤᠨ ᠬᠤᠳᠠ ᠤᠷᠤᠭᠰᠠᠨ ᠮᠠᠯᠴᠢᠨ᠂ ᠶᠡᠭᠡ ᠳᠤᠮᠳᠠ ᠳᠤᠰᠬᠠᠢ ᠮᠡᠷᠭᠡᠵᠢᠯ ᠤᠨ ᠰᠤᠷᠭᠠᠭᠤᠯᠢ ᠳᠡᠬᠦᠰᠦᠭᠰᠡᠨ ᠤᠶᠤᠳᠠᠨ ᠪᠠ ᠴᠡᠷᠢᠭ ᠠᠴᠠ ᠬᠠᠯᠠᠭᠳᠠᠭᠰᠠᠳ ᠵᠠᠷᠭᠡ ᠬᠤᠳᠠ ᠬᠦᠳᠡᠭᠡ ᠶᠢᠨ ᠡᠯ᠎ᠡ ᠲᠥᠷᠦᠯ ᠤᠨ ᠦᠢᠯᠡᠰ ᠪᠣᠰᠬᠠᠭᠴᠢ ᠶᠢ ᠭᠤᠤᠯᠳᠠᠯᠭ᠎ᠠ ᠲᠠᠢ ᠪᠠᠷ ᠳᠡᠮᠵᠢᠵᠦ᠂ ᠦᠢᠯᠡᠰ ᠪᠣᠰᠬᠠᠬᠤ ᠪᠠᠷ ᠳᠠᠮᠵᠢᠨ ᠠᠵᠢᠯ ᠤᠯᠭᠤᠬᠤ ᠶᠢ ᠳᠠᠶᠢᠴᠢᠯᠠᠨ᠎ᠠ᠃ ᠰᠢᠨ᠎ᠡ ᠶᠢ ᠡᠬᠦᠳᠦᠨ ᠦᠢᠯᠡᠰ ᠪᠤᠰᠬᠠᠬᠤ ᠰᠠᠭᠤᠷᠢᠨ ᠭᠠᠵᠠᠷ ᠤᠨ ᠪᠠᠶᠢᠭᠤᠯᠤᠯᠳᠠ ᠶᠢ ᠠᠬᠢᠭᠤᠯᠤᠨ᠂ 70 ᠡᠷᠦᠬᠡ ᠠᠩᠬ᠎ᠠ ᠦᠢᠯᠡᠰ ᠪᠤᠰᠬᠠᠭᠴᠢ ᠶᠢ ᠪᠠᠭᠳᠠᠭᠠᠵᠦ ᠴᠢᠳᠠᠬᠤ ᠰᠢᠨ᠎ᠡ ᠶᠢ ᠡᠬᠦᠳᠦᠨ ᠦᠢᠯᠡᠰ ᠪᠤᠰᠬᠠᠬᠤ ᠰᠠᠭᠤᠷᠢᠨ ᠭᠠᠵᠠᠷ ᠢ ᠪᠠᠶᠢᠭᠤᠯᠵᠦ᠂ ᠠᠵᠤ ᠠᠬᠤᠶᠢᠯᠠᠯ ᠵᠢᠴᠢ ᠠᠵᠢᠯ ᠦᠢᠯᠡᠰ ᠡᠷᠬᠢᠯᠡᠵᠦ ᠪᠠᠶᠢᠭ᠎ᠠ ᠡᠷᠦᠬᠡ ᠳᠤ ᠰᠦᠢᠳᠬᠡᠯ ᠬᠤᠷᠢᠶᠠᠬᠤ ᠦᠬᠡᠢ ᠪᠤᠯᠪᠠᠰᠤᠷᠠᠯ ᠬᠦᠷᠳᠡᠬᠡᠬᠦ᠂ ᠦᠢᠯᠡᠰ ᠪᠤᠰᠬᠠᠬᠤ ᠵᠢᠬᠡᠯᠡᠯᠬᠡ ᠤᠯᠭᠤᠬᠤ᠂ ᠭᠠᠶᠢᠯᠢ ᠶᠢ ᠬᠡᠯᠳᠦᠷᠢᠬᠦᠯᠬᠦ᠂ ᠬᠡᠷ ᠤᠨ ᠳᠦᠷᠢᠶᠡᠰᠤ ᠶᠢ ᠬᠦᠩᠬᠡᠯᠡᠬᠦ ᠵᠡᠷᠬᠡ ᠬᠠᠷᠠᠭᠠᠯᠵᠠᠯ ᠤᠨ ᠳᠦᠷᠤ ᠶᠢᠨ ᠪᠤᠳᠤᠯᠭ᠎ᠠ ᠶᠢ ᠬᠠᠩᠭᠠᠨ᠎ᠠ᠃ ᠭᠤᠤᠯᠳᠠᠯᠭ᠎ᠠ ᠲᠠᠢ ᠲᠥᠷᠦᠯ ᠵᠤᠶᠢᠯ ᠎ ᠤᠨ ᠪᠦᠳᠦᠬᠡᠨ ᠪᠠᠶᠢᠭᠤᠯᠤᠯᠳᠠ ᠪᠠᠷ ᠠᠵᠢᠯ ᠤᠯᠭᠤᠬᠤ ᠶᠢ ᠠᠬᠢᠭᠤᠯᠬᠤ ᠵᠤᠬᠢᠴᠠᠮᠵᠢ ᠶᠢ ᠳᠡᠯᠬᠡᠷᠡᠬᠦᠯᠵᠦ᠂ ᠠᠵᠢᠯ ᠤᠨ ᠪᠠᠶᠢᠷᠢ ᠶᠢ ᠴᠤᠭᠯᠠᠭᠤᠯᠤᠨ᠂  ᠵᠠᠬᠢᠶᠠᠯᠠᠭ᠎ᠠ ᠶᠢᠨ ᠬᠡᠯᠪᠡᠷᠢ ᠶᠢᠨ ᠪᠤᠯᠪᠠᠰᠤᠷᠠᠯ ᠢ ᠦᠷᠨᠢᠬᠦᠯᠵᠦ᠂  ᠠᠵᠢᠯ ᠤᠯᠭᠤᠬᠤ ᠠᠵᠢᠯ ᠤᠨ ᠬᠠᠨᠳᠤᠯᠭᠠᠳᠤ ᠴᠢᠨᠠᠷ ᠢ ᠳᠡᠬᠡᠭᠰᠢᠯᠡᠬᠦᠯᠦᠨ᠎ᠡ᠃  ︽ᠢᠨᠲ᠋ᠧᠷ ᠰᠦᠯᠵᠢᠶ᠎ᠡ +  ︾ ᠵᠡᠷᠬᠡ ᠰᠢᠨ᠎ᠡ ᠪᠠᠷ ᠦᠷᠨᠢᠨ ᠬᠦᠭᠵᠢᠵᠦ ᠪᠠᠶᠢᠭ᠎ᠠ ᠠᠵᠤ ᠦᠢᠯᠡᠰ ᠢ ᠭᠤᠤᠯᠳᠠᠯᠭ᠎ᠠ ᠲᠠᠢ ᠪᠤᠵᠠᠭᠠᠶᠢᠷᠠᠭᠤᠯᠤᠨ᠂ ᠮᠠᠨ ᠤ ᠬᠤᠰᠢᠭᠤᠨ ᠤ ᠪᠤᠳᠠᠳᠤ ᠠᠵᠤ ᠠᠬᠤᠢ ᠶᠢᠨ ᠰᠢᠨ᠎ᠡ ᠶᠢ ᠡᠬᠦᠳᠬᠦ ᠪᠠ ᠦᠢᠯᠡᠳᠪᠤᠷᠢᠯᠡᠯ ᠤᠨ ᠬᠦᠴᠦᠨ ᠢ ᠨᠢ ᠳᠡᠬᠡᠭᠰᠢᠯᠡᠬᠦᠯᠦᠨ᠎ᠡ᠃ ᠦᠢᠯᠡᠰ ᠪᠤᠰᠬᠠᠵᠦ ᠠᠵᠢᠯ ᠤᠯᠭᠤᠬᠤ ᠵᠢᠯᠤᠭᠤᠳᠬᠤ ᠳᠦᠪ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ︽ᠢᠨᠲ᠋ᠧᠷ ᠰᠦᠯᠵᠢᠶ᠎ᠡ +︾ ᠬᠡᠮᠡᠬᠦ ᠵᠢᠯᠤᠭᠤᠳᠤᠯᠭᠠᠳᠤ ᠴᠢᠨᠠᠷᠳᠠᠢ ᠪᠤᠯᠪᠠᠰᠤᠷᠠᠯ ᠤᠨ ᠬᠦᠴᠦᠯᠡᠴᠡ ᠶᠢ ᠨᠡᠮᠡᠭᠳᠡᠬᠦᠯᠦᠨ᠎ᠡ᠃ ᠡᠬᠦᠨ ᠤ ᠬᠠᠮᠳᠤ᠂ ᠡᠯ᠎ᠡ ᠳᠦᠷᠦᠯ ᠤᠨ ᠬᠠᠷᠠᠭᠠᠯᠵᠠᠬᠤ ᠳᠦᠷᠦ ᠶᠢᠨ ᠪᠤᠳᠤᠯᠭ᠎ᠠ ᠪᠠᠷ ᠳᠠᠮᠵᠢᠨ᠂ ᠬᠤᠰᠢᠭᠤ ᠨᠤᠳᠤᠭ ᠎ ᠤᠨ ᠠᠵᠤ ᠠᠬᠤᠶᠢᠯᠠᠯᠳᠠᠳ ᠢ ᠬᠦᠴᠦᠯᠡᠨ ᠪᠤᠵᠠᠭᠠᠶᠢᠷᠠᠭᠤᠯᠤᠨ᠎ᠠ᠃     ᠨᠡᠶᠢᠬᠡᠮ ᠤᠨ ᠪᠠᠳᠣᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠠᠮᠤᠭ ᠳᠤᠤᠷ᠎ᠠ ᠠᠮᠢᠳᠣᠷᠠᠯ ᠤᠨ ᠪᠠᠳᠤᠯᠠᠭ᠎ᠠ ᠶᠢᠨ ᠳᠦᠷᠢᠮ ᠢ ᠰᠠᠶᠢᠳᠤᠷ ᠬᠡᠷᠡᠭᠵᠢᠬᠦᠯᠵᠦ᠂ ᠮᠠᠯᠵᠢᠬᠤ ᠣᠷᠤᠨ ᠤ     ︽ᠲᠠᠪᠤᠨ ᠪᠠᠳᠤᠯᠭᠠᠳᠤ︾ ᠡᠷᠦᠬᠡ᠂ ᠬᠤᠲᠠ ᠪᠠᠯᠭᠠᠰᠤᠨ ᠤ ︽ᠭᠤᠷᠪᠠᠨ ᠦᠭᠡᠢ︾ ᠬᠦᠮᠦᠰ᠂ ᠥᠨᠦᠴᠢᠨ ᠦᠷᠦᠬᠡᠰᠦᠨ᠂ ᠵᠡᠮᠳᠡᠭ ᠬᠦᠮᠦᠰ ᠢ ᠠᠪᠤᠷᠠᠨ ᠳᠤᠰᠠᠯᠠᠬᠤ ᠬᠦᠴᠦᠯᠡᠴᠡ ᠪᠠᠨ ᠨᠡᠮᠡᠭᠳᠡᠬᠦᠯᠦᠨ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠨ᠎ᠠ᠃ ᠨᠠᠰᠤᠵᠢᠯ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠤᠬᠤ ᠬᠡᠪᠴᠢᠶ᠎ᠡ ᠪᠠ ᠥᠨᠳᠦᠷ ᠨᠠᠰᠤᠲᠠᠨ ᠤ ᠨᠥᠬᠦᠪᠦᠷᠢ ᠎ ᠶᠢᠨ ᠪᠦᠷᠬᠦᠴᠡ ᠶᠢ ᠦᠷᠬᠡᠳᠬᠡᠵᠦ᠂ ᠨᠥᠬᠦᠪᠦᠷᠢ ᠶᠢᠨ ᠪᠠᠷᠢᠮᠵᠢᠶ᠎ᠡ ᠪᠠ ᠪᠠᠳᠤᠯᠠᠭ᠎ᠠ ᠶᠢᠨ ᠲᠥᠪᠰᠢᠨ ᠢ ᠳᠡᠬᠡᠭᠰᠢᠯᠡᠬᠦᠯᠦᠨ᠎ᠡ᠃ ᠬᠤᠲᠠ ᠪᠠᠯᠭᠠᠰᠤᠨ ᠤ ᠠᠵᠤ ᠠᠬᠤᠶᠢᠯᠠᠯ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠬᠦᠯᠦᠰᠦᠨ ᠠᠵᠢᠯᠳᠠᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠥᠷᠭᠡᠳᠬᠡᠬᠦ ᠠᠵᠢᠯ ᠢ ᠴᠢᠩᠭᠠᠳᠬᠠᠨ᠎ᠠ᠃ ᠬᠤᠳᠠ ᠬᠦᠳᠡᠭᠡ ᠶᠢᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠠᠵᠢᠯ ᠢ ᠰᠠᠶᠢᠳᠤᠷ ᠬᠢᠵᠦ᠂ ᠪᠠᠲᠤᠯᠠᠬᠤ ᠵᠣᠬᠢᠰᠲᠠᠢ ᠶᠢ ᠨᠢ ᠦᠨᠡᠨᠬᠦ ᠰᠠᠶᠢᠳᠤᠷ ᠪᠠᠳᠤᠯᠠᠨ᠎ᠠ᠃ ᠡᠷᠡᠬᠦᠯ ᠮᠠᠨᠳᠤ ᠶᠢᠨ ᠠᠵᠢᠯ ᠦᠢᠯᠡᠰ ᠢ ᠦᠨᠡᠨᠬᠦ ᠰᠠᠶᠢᠳᠤᠷ ᠠᠳᠬᠤᠵᠦ᠂ ︽ᠠᠵᠠᠳᠠᠢ︾ ᠪᠡᠶ᠎ᠡ ᠰᠤᠪᠢᠯᠠᠬᠤ ᠬᠦᠷᠢᠶᠡᠯᠡᠩ ᠤᠨ ᠪᠠᠶᠢᠭᠤᠯᠤᠯᠳᠠ ᠶᠢ ᠲᠡᠮᠵᠢᠵᠣ᠂ ᠨᠢᠬᠡᠳᠦᠬᠡᠷ ᠬᠤᠭᠤᠴᠠᠭᠠᠨ ᠤ ᠪᠠᠷᠢᠯᠭ᠎ᠠ ᠶᠢ 8 ᠰᠠᠷ᠎ᠠ ᠶᠢᠨ ᠡᠬᠢᠨ ᠳᠤ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠬᠠᠮᠤᠭ ᠳᠤᠤᠷ᠎ᠠ ᠠᠮᠢᠳᠣᠷᠠᠯ ᠤᠨ ᠪᠠᠳᠤᠯᠠᠭ᠎ᠠ ᠶᠢᠨ ᠬᠤᠳᠠ ᠬᠦᠳᠡᠭᠡ ᠶᠢ ᠨᠢᠬᠡᠳᠦᠯᠳᠡᠢ ᠳᠦᠯᠦᠪᠵᠢᠬᠦᠯᠬᠦ ᠳᠤᠷᠰᠢᠯᠳᠠ ᠶᠢᠨ ᠴᠢᠭ ᠤᠨ ᠠᠵᠢᠯ ᠢ ᠳᠦᠯᠬᠢᠨ ᠠᠬᠢᠭᠤᠯᠵᠦ᠂  ᠳᠦᠷᠦ ᠶᠢᠨ ᠪᠤᠳᠤᠯᠭ᠎ᠠ ᠶᠢ ᠨᠠᠷᠢᠨ ᠤᠨᠤᠪᠴᠢᠳᠠᠢ ᠬᠡᠷᠡᠭᠵᠢᠬᠦᠯᠤᠨ᠂ ᠠᠮᠢᠳᠤᠯᠢᠭ ᠢᠶᠠᠷ ᠬᠠᠮᠢᠶᠠᠷᠤᠨ᠎ᠠ᠃     ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠴᠢᠩᠭᠠᠳᠬᠠᠨ᠎ᠠ᠃  ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠦᠷᠭᠦᠯᠵᠢᠯᠡᠨ ᠭᠦᠨᠵᠡᠭᠡᠶᠢᠷᠠᠭᠦᠯᠵᠥ᠂ ᠠᠯᠪᠠᠨ ᠠᠴᠠ ᠡᠷᠭᠢᠯᠡᠭᠰᠡᠨ ᠡᠮᠨᠡᠯᠭᠡ ᠎ ᠶᠢᠨ ᠬᠤᠷᠢᠶᠠᠨ ᠤ ᠡᠭᠦᠳᠤᠨ ᠪᠠᠶᠢᠭᠤᠯᠤᠯᠳᠠ ᠶᠢᠨ ᠦᠷ᠎ᠡ  ᠪᠦᠳᠦᠮᠵᠢ ᠶᠢ ᠪᠠᠳᠤᠳᠬᠠᠵᠥ᠂  ᠬᠤᠰᠢᠭᠤ ᠡᠮᠨᠡᠯᠭᠡ ᠶᠢᠨ ᠬᠤᠷᠢᠶ᠎ᠠ ᠪᠠᠷ ᠲᠦᠪ ᠪᠤᠯᠭᠠᠭᠰᠠᠨ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠦ ᠪᠠᠷ ᠬᠤᠯᠪᠤᠭᠠᠯᠠᠭᠰᠠᠨ ᠡᠮ ᠡᠮᠨᠡᠯᠭᠡ ᠶᠢᠨ ᠰᠦᠯᠵᠢᠶᠡᠨ ᠴᠢᠭ ᠢ ᠡᠷᠢᠯᠬᠢᠯᠡᠵᠦ᠂ ᠰᠢᠨ᠎ᠠ ᠪᠠᠷ ᠪᠠᠶᠢᠭᠤᠯᠤᠭᠰᠠᠨ ᠮᠤᠩᠭᠤᠯ ᠡᠮᠨᠡᠯᠭᠡ ᠶᠢᠨ ᠬᠤᠷᠢᠶᠠᠨ ᠎ ᠤ ᠶᠡᠷᠦᠩᠭᠡᠶᠢᠯᠡᠭᠰᠡᠨ ᠠᠰᠠᠷ ᠤᠨ ᠴᠢᠳᠡᠪᠭᠢ ᠶᠢ ᠭᠦᠢᠴᠡᠳ  ᠪᠠᠳᠠᠷᠠᠭᠤᠯᠤᠨ᠂ ᠬᠤᠰᠢᠭᠤ ᠲᠡᠰ ᠤᠨ ᠲᠡᠷᠢᠭᠦᠨ ᠤ ᠮᠤᠩᠭᠤᠯ ᠡᠮᠨᠡᠯᠭᠡ ᠶᠢᠨ ᠬᠤᠷᠢᠶ᠎ᠠ ᠶᠢ ᠡᠬᠦᠳᠦᠨ ᠪᠠᠶᠢᠭᠤᠯᠵᠦ᠂ ᠡᠭᠡ ᠨᠢᠯᠬᠠᠰ ᠤᠨ ᠡᠷᠡᠭᠦᠯ ᠬᠠᠮᠠᠭᠠᠯᠠᠯ ᠤᠨ ᠬᠤᠷᠢᠶᠠᠨ ᠤ ᠶᠡᠷᠦᠩᠭᠡᠶᠢᠯᠡᠭᠰᠡᠨ ᠠᠰᠠᠷ ᠢ ᠡᠭᠢᠯᠡᠨ ᠪᠠᠶᠢᠭᠤᠯᠤᠨ᠎ᠠ᠃ ᠭᠢᠵᠢᠭ ᠡᠪᠡᠳᠴᠢᠨ ᠢ ᠰᠡᠷᠭᠡᠶᠢᠯᠠᠨ ᠵᠠᠰᠠᠬᠤ ᠠᠵᠢᠯ ᠤᠨ ᠭᠦᠴᠦᠯᠠᠴᠠ ᠪᠠᠨ ᠴᠢᠩᠭᠠᠳᠬᠵᠤ᠂ ᠨᠡᠶᠢᠭᠡᠮ ᠨᠡᠶᠢᠳᠠ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠦᠷᠢ ᠶᠢ ᠲᠡᠭᠡᠭᠰᠢᠯᠡᠭᠦᠯᠤᠨ᠂ ᠬᠦᠨᠳᠤ ᠡᠪᠡᠳᠴᠢᠨ ᠢ ᠠᠪᠤᠷᠠᠨ ᠳᠤᠰᠠᠯᠠᠬᠤ ᠠᠷᠭ᠎ᠠ ᠠᠪᠴᠢᠯ ᠢ ᠰᠦᠪᠡᠭᠴᠢᠯᠡᠨ᠎ᠡ᠃ ᠰᠤᠮᠤ ᠪᠠᠯᠭᠠᠰᠤ᠂ ᠭᠠᠴᠠᠭᠠᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠦᠭᠦᠴᠡᠯ ᠢ ᠦᠭᠡᠷᠡᠴᠢᠯᠠᠨ ᠰᠠᠶᠢᠵᠢᠷᠠᠭᠤᠯᠵᠥ᠂  ᠡᠮᠨᠡᠯᠭᠡ ᠶᠢᠨ ᠠᠵᠢᠯᠳᠠᠨ ᠤ ᠪᠤᠯᠪᠠᠰᠤᠷᠠᠯ ᠵᠢᠴᠢ ᠲᠤᠰᠬᠠᠢ ᠮᠡᠷᠭᠡᠵᠢᠯᠳᠠᠨ ᠢ ᠣᠷᠢᠵᠣ ᠣᠷᠣᠭᠤᠯᠬᠤ ᠵᠣᠬᠢᠴᠠᠮᠵᠢ ᠶᠢ ᠪᠠᠶᠢᠭᠤᠯᠣᠨ᠂ ᠰᠢᠨ᠎ᠠ ᠪᠠᠷ ᠵᠠᠰᠠᠪᠤᠷᠢ ᠤᠷᠤᠭᠤᠯᠤᠭᠰᠠᠨ ᠬᠤᠶᠠᠷ ᠭᠡᠤᠭᠡᠳ ᠠᠪᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠵᠥ᠂  ᠭᠦᠮᠦᠨ ᠠᠮᠠ ᠶᠢᠨ ᠤᠷᠳᠦ ᠬᠤᠭᠤᠴᠠᠭ᠎ᠠ ᠪᠠᠷ ᠲᠡᠩᠴᠡᠬᠦᠷᠢᠳᠡᠢ ᠭᠦᠭᠵᠢᠭᠦ ᠶᠢ ᠠᠭᠢᠭᠤᠯᠤᠨ᠎ᠠ᠃     ︵ᠵᠢᠷᠭᠤᠭ᠎ᠠ︶  ᠠᠵᠤ ᠠᠬᠤᠢ ᠪᠠ ᠠᠮᠢ ᠠᠬᠤᠢ᠂ ᠨᠡᠶᠢᠬᠡᠮ ᠵᠡᠷᠬᠡ ᠬᠦᠷᠢᠶ᠎ᠡ ᠬᠡᠪᠴᠢᠶᠡᠨ ᠤ ᠦᠬᠡᠷᠡᠴᠢᠯᠡᠯᠳᠡ ᠎ ᠶᠢᠨ ᠠᠵᠢᠯ ᠢ ᠬᠦᠨᠵᠡᠬᠡᠶᠢᠷᠡᠬᠦᠯᠦᠨ᠎ᠡ᠃  ᠳᠦᠪ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠎ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠦᠬᠡᠷᠡᠴᠢᠯᠡᠯᠳᠡ ᠶᠢᠨ ᠲᠣᠬᠠᠢ ᠪᠠᠶᠢᠷᠢᠯᠠᠭᠤᠯᠳᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠤ ᠠᠬᠤᠢ ᠪᠠ ᠠᠮᠢ ᠠᠬᠤᠢ᠂ ᠨᠡᠶᠢᠬᠡᠮ ᠵᠡᠷᠬᠡ ᠬᠦᠷᠢᠶ᠎ᠡ ᠬᠡᠪᠴᠢᠶᠡᠨ ᠤ ᠦᠬᠡᠷᠡᠴᠢᠯᠡᠯᠳᠡ ᠶᠢᠨ ᠠᠵᠢᠯ ᠢ ᠳᠠᠰᠤᠷᠠᠯᠳᠠ ᠦᠬᠡᠢ ᠬᠦᠨᠵᠡᠬᠡᠶᠢᠷᠡᠬᠦᠯᠦᠨ᠎ᠡ᠃ ᠦᠬᠡᠷᠡᠴᠢᠯᠡᠯᠳᠡ ᠶᠢᠨ ᠭᠤᠤᠯᠳᠠᠯᠭ᠎ᠠ ᠶᠢ ᠳᠤᠪᠤᠶᠢᠯᠭᠠᠵᠦ᠂ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠤᠮᠵᠢ ᠎ ᠶᠢᠨ ᠦᠬᠡᠷᠡᠴᠢᠯᠡᠯᠳᠡ ᠶᠢ ᠤᠯᠠᠮ ᠨᠢᠬᠡ ᠠᠯᠬᠤᠮ ᠬᠦᠨᠵᠡᠬᠡᠶᠢᠷᠡᠬᠦᠯᠵᠦ᠂ ᠵᠠᠰᠠᠭ ᠤᠨ ᠶᠠᠪᠣᠳᠠᠯ ᠢ ᠴᠤᠮᠬᠠᠳᠬᠠᠨ᠂ ᠳᠠᠯᠪᠢᠬᠤ ᠬᠠᠮᠢᠶᠠᠷᠬᠤ ᠶᠢ ᠤᠶᠠᠯᠳᠤᠭᠤᠯᠦᠨ᠂ ᠦᠢᠯᠡᠴᠢᠯᠡᠭᠡ ᠶᠢ ᠨᠢ ᠰᠢᠯᠢᠳᠡᠭᠵᠢᠬᠦᠯᠵᠣ᠂ ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠮᠵᠢ᠂ ᠮᠠᠯᠵᠢᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠪᠠ ᠭᠠᠵᠠᠷ ᠰᠢᠷᠤᠢ ᠶᠢᠨ ᠳᠦᠷᠢᠮ᠂ ᠰᠤᠷᠭᠠᠨ ᠬᠦᠮᠦᠵᠢᠯ ᠤᠨ ᠪᠠᠶᠢᠭᠤᠯᠤᠮᠵᠢ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠢ ᠳᠡᠬᠦᠯᠳᠡᠷᠵᠢᠬᠦᠯᠦᠨ᠂ ᠰᠢᠨ᠎ᠡ ᠶᠢ ᠡᠬᠦᠳᠬᠦ ᠬᠦᠭᠵᠢᠯᠳᠡ᠂ ᠵᠤᠬᠢᠴᠠᠩᠭᠤᠢ ᠬᠦᠭᠵᠢᠯᠳᠡ᠂ ᠪᠤᠬᠢᠷᠳᠤᠯ ᠦᠬᠡᠢ ᠬᠦᠭᠵᠢᠯᠳᠡ᠂ ᠨᠡᠬᠡᠬᠡᠯᠳᠡᠳᠤ ᠬᠦᠭᠵᠢᠯᠳᠡ᠂ ᠬᠠᠮᠳᠤᠪᠠᠷ ᠡᠳ᠋ᠯᠡᠬᠦ ᠬᠦᠭᠵᠢᠯᠳᠡ ᠳᠤ ᠠᠰᠢᠭᠳᠠᠢ ᠪᠠᠶᠢᠭᠤᠯᠤᠮᠵᠢ ᠶᠢᠨ ᠵᠤᠬᠢᠴᠠᠮᠵᠢ ᠶᠢ ᠪᠦᠷᠢᠯᠳᠦᠬᠦᠯᠦᠨ᠎ᠡ᠃ ᠦᠬᠡᠷᠡᠴᠢᠯᠡᠯᠳᠠ ᠶᠢᠨ ᠲᠣᠷᠰᠢᠯᠳᠠ ᠶᠢᠨ ᠴᠢᠭ ᠤᠨ ᠪᠠᠶᠢᠭᠤᠯᠣᠯᠳᠠ ᠶᠢ ᠠᠬᠢᠭᠤᠯᠵᠣ᠂ ᠲᠣᠷᠰᠢᠯᠭ᠎ᠠ ᠪᠠᠨ ᠳ᠋ᠦᠩᠨᠡᠵᠣ᠂ ᠲᠣᠷᠰᠢᠯᠳᠠ ᠶᠢᠨ ᠴᠢᠭ ᠤᠨ ᠦᠢᠯᠡᠳᠣᠯ ᠢ ᠨᠢ ᠦᠨᠡᠨᠬᠦ ᠪᠠᠳᠠᠷᠠᠭᠤᠯᠣᠨ᠎ᠠ᠃     ︵ ᠳᠤᠯᠤᠭ᠎ᠠ︶ ᠵᠦᠷᠢᠴᠠᠯ ᠵᠢᠭᠤᠷᠭᠠᠨ ᠢ ᠤᠯᠠᠨ ᠠᠷᠭ᠎ᠠ ᠬᠡᠯᠪᠡᠷᠢ ᠪᠠᠷ ᠡᠶᠡᠳᠡᠬᠦᠯᠦᠨ‌‍ᠰᠢᠢᠳᠪᠤᠷᠢᠯᠡᠬᠦ ᠵᠤᠬᠢᠴᠠᠮᠵᠢ ᠶᠢ ᠳᠡᠬᠦᠯᠳᠡᠷᠵᠢᠬᠦᠯᠦᠨ᠂ ᠨᠡᠶᠢᠭᠡᠮ ᠤᠨ ᠡᠶ᠎ᠡ ᠨᠠᠶᠢᠷᠠᠮᠳᠠᠭᠤ ᠲᠤᠭᠳᠠᠭᠤᠨ ᠢ ᠪᠦᠭᠦ ᠭᠦᠴᠦᠨ ᠢᠶᠠᠷ ᠢᠶᠠᠨ ᠬᠠᠮᠠᠭᠠᠯᠠᠨ᠎ᠠ᠃  ᠵᠦᠷᠢᠴᠠᠯ ᠵᠢᠭᠤᠷᠭᠠᠨ ᠢ ᠪᠠᠶᠢᠴᠠᠭᠠᠨ ᠰᠢᠢᠳᠪᠤᠷᠢᠯᠡᠬᠦ ᠠᠵᠢᠯ ᠢ ᠰᠠᠶᠢᠳᠤᠷ ᠭᠢᠨ᠎ᠠ᠃ ︽ᠭᠤᠷᠪᠠᠨ ᠲᠠᠯ᠎ᠠ ᠪᠠᠷ ᠡᠶᠡᠳᠡᠬᠦᠯᠬᠦ︾ ︵ᠠᠷᠠᠳ ᠤᠯᠠᠨ ᠤ ᠡᠶᠡᠳᠡᠭᠦᠯᠭᠡ᠂ ᠵᠠᠰᠠᠭ ᠵᠠᠭᠢᠷᠭᠠᠨ ᠤ ᠡᠶᠡᠳᠡᠭᠦᠯᠭᠡ᠂  ᠬᠠᠤᠯᠢ ᠴᠠᠭᠠᠵᠠ ᠶᠢᠨ ᠡᠶᠡᠳᠡᠭᠦᠯᠭᠡ︶᠂ ︽ᠭᠤᠷᠪᠠᠨ ᠰᠠᠯᠪᠤᠷᠢ ᠨᠢᠬᠡ ᠠᠩᠬᠢ ᠶᠢᠨ ᠬᠠᠮᠳᠤᠷᠠᠯᠴᠠᠭ᠎ᠠ︾ ︵ᠬᠠᠤᠯᠢ ᠴᠠᠭᠠᠵᠠ ᠎ ᠶᠢᠨ ᠰᠠᠯᠪᠦᠷᠢ᠂ ᠲᠤᠮᠢᠯᠠᠭᠰᠠᠨ ᠰᠠᠯᠪᠦᠷᠢ᠂ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠳᠠ ᠶᠢᠨ ᠰᠠᠯᠪᠦᠷᠢ᠂ ᠲᠠᠯ᠎ᠠ ᠨᠤᠳᠤᠭ ᠤᠨ ᠶᠡᠷᠦᠩᠬᠡᠶᠢᠯᠡᠭᠰᠡᠨ ᠬᠠᠣᠯᠢ ᠭᠡᠷᠡᠭᠵᠢᠬᠦᠯᠬᠦ ᠲᠣᠮᠳᠠ ᠠᠩᠬᠢ︶᠎ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠵᠦ᠂ ᠡᠯ᠎ᠡ ᠡᠬᠦᠷᠬᠡ ᠴᠢᠳᠠᠪᠬᠢ ᠪᠦᠬᠦᠢ ᠰᠠᠯᠠᠭ᠎ᠠ ᠮᠦᠴᠢᠷ ᠤᠨ ᠬᠠᠤᠯᠢ ᠶᠤᠰᠤᠭᠠᠷ ᠵᠦᠷᠢᠴᠡᠯ ᠵᠢᠭᠤᠷᠭᠠᠨ ᠢ ᠡᠶᠡᠳᠡᠬᠦᠯᠬᠦ ᠠᠵᠢᠯ ᠢ ᠠᠬᠢᠭᠤᠯᠵᠦ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠪᠠᠶᠢᠭᠤᠯᠤᠯᠭ᠎ᠠ ᠨᠢᠬᠡᠴᠡ ᠵᠢᠴᠢ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠳᠠᠶᠢᠴᠢᠯᠠᠨ᠂ ᠵᠦᠷᠢᠴᠡᠯ ᠵᠢᠭᠤᠷᠭᠠᠨ ᠢ ᠡᠶᠡᠳᠡᠬᠦᠯᠦᠨ ᠰᠢᠢᠳᠪᠤᠷᠢᠯᠡᠬᠦ ᠠᠵᠢᠯ ᠳᠤ ᠤᠷᠤᠯᠴᠠᠭᠤᠯᠤᠨ᠎ᠠ᠃ ᠡᠭᠢ ᠡᠭᠦᠰᠥᠯ ᠠᠴᠠ ᠨᠢ ᠵᠠᠰᠠᠬᠤ᠂ ᠤᠷᠢᠳᠴᠢᠯᠠᠨ ᠰᠡᠷᠭᠡᠶᠢᠯᠡᠭᠦ ᠶᠢ ᠴᠢᠬᠤᠯᠠᠴᠢᠯᠠᠨ᠂ ᠠᠰᠠᠭᠤᠳᠠᠯ ᠢ ᠦᠨᠳᠦᠰᠦᠨ ᠱᠠᠳᠤ᠂ ᠰᠤᠶᠤᠭᠠᠯᠠᠯ ᠤᠨ ᠪᠠᠶᠢᠳᠠᠯ ᠳᠤᠨᠢ ᠰᠶᠢᠳᠪᠦᠷᠢᠯᠠᠵᠣ᠂ ᠤᠯᠠᠨ ᠲᠦᠮᠡᠨᠴᠢ ᠴᠢᠨᠠᠷᠳᠠᠢ ᠭᠡᠷᠡᠭ ᠤᠴᠢᠷ ᠪᠡ ᠬᠤᠪᠢ ᠭᠦᠮᠦᠨ ᠤ ᠲᠡᠷᠰᠡᠯᠡᠭᠦᠦ ᠭᠡᠷᠡᠭ ᠤᠴᠢᠷ ᠭᠠᠷᠬᠤ ᠶᠢ ᠴᠢᠩᠭ᠎ᠠ ᠰᠡᠷᠭᠡᠶᠢᠯᠡᠨ᠎ᠠ᠃ ᠵᠠᠭᠢᠳᠠᠯ ᠰᠤᠷᠪᠤᠯᠵᠢᠯᠠᠭ᠎ᠠ ᠶᠢᠨ ᠠᠵᠢᠯ ᠢ ᠦᠷᠬᠦᠯᠵᠢᠯᠡᠨ ᠴᠢᠩᠭᠠᠳᠬᠠᠨ᠎ᠠ᠃ ᠤᠳᠤᠷᠢᠳᠬᠤ ᠺᠠᠳ᠋ᠷ ᠤᠨ ᠲᠤᠭᠳᠠᠭᠰᠠᠨ ᠬᠤᠭᠤᠴᠠᠭ᠎ᠠ ᠲᠠᠢ ᠪᠠᠷ ᠵᠠᠭᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠲᠦᠷᠢᠮ ᠢ ᠴᠢᠩᠭ᠎ᠠ ᠭᠡᠷᠡᠭᠵᠢᠭᠦᠯᠵᠥ᠂ ᠲᠤᠤᠷ ᠰᠦᠯᠵᠢᠶᠠᠨ ᠤ ᠵᠠᠭᠢᠳᠠᠯ ᠰᠤᠷᠪᠤᠯᠵᠢᠯᠠᠭ᠎ᠠ ᠶᠢᠨ ᠠᠵᠢᠯ ᠢ ᠢᠳᠡᠪᠭᠢᠳᠠᠢ ᠲᠦᠯᠭᠢᠨ ᠠᠭᠢᠭᠤᠯᠤᠨ᠎ᠠ᠃ ᠵᠠᠭᠢᠳᠠᠯ ᠰᠤᠷᠪᠤᠯᠵᠢᠯᠠᠭ᠎ᠠ ᠶᠢᠨ ᠬᠤᠷᠠᠮᠳᠤᠭᠰᠠᠨ ᠭᠡᠷᠡᠭ ᠤᠴᠢᠷ ᠢ ᠰᠶᠢᠳᠪᠦᠷᠢᠯᠡᠭᠦ ᠲᠤᠰᠬᠠᠢ ᠠᠵᠢᠯᠯᠠᠭ᠎ᠠ ᠶᠠᠪᠤᠭᠳᠠᠭᠤᠯᠵᠥ᠂ ᠬᠠᠤᠯᠢ ᠪᠠᠷ ᠵᠠᠰᠠᠬᠤ ᠰᠡᠳᠭᠢᠭᠦᠢ ᠪᠤᠯᠤᠨ ᠬᠠᠤᠯᠢ ᠪᠠᠷ ᠵᠠᠰᠠᠬᠤ ᠠᠷᠭ᠎ᠠ ᠪᠠᠷᠢᠯ ᠢ ᠴᠢᠳᠠᠮᠠᠭᠠᠢ ᠭᠡᠷᠡᠭᠯᠡᠵᠥ᠂ ᠭᠤᠤᠯᠳᠠᠯᠭ᠎ᠠ ᠲᠠᠢ ᠭᠦᠷᠢᠶ᠎ᠡ ᠭᠡᠪᠴᠢᠶ᠎ᠡ ᠪᠤᠯᠤᠨ ᠭᠤᠤᠯᠳᠠᠯᠭ᠎ᠠ ᠲᠠᠢ ᠭᠥᠮᠥᠰ ᠤᠨ ᠵᠠᠭᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠳᠤᠷ ᠬᠢᠨ᠎ᠠ᠃ ᠠᠮᠦᠷ ᠠᠮᠤᠭᠤᠯᠠᠩ ᠤᠨ ᠴᠤᠭᠴᠠᠯᠠᠯᠳᠠ ᠶᠢᠨ ᠠᠵᠢᠯ ᠢ ᠯᠠᠪᠳᠠᠭᠤᠨ ᠦᠷᠨᠢᠬᠦᠯᠦᠨ᠎ᠡ᠃ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠠᠴᠠ ᠵᠦᠷᠢᠴᠡᠭᠰᠡᠳ ᠲᠤ ᠴᠤᠬᠢᠯᠳᠠ ᠦᠭᠴᠦ᠂ ᠳᠦᠷᠢᠮ ᠠᠴᠠ ᠵᠦᠷᠢᠴᠡᠭᠰᠡᠳ ᠢ ᠵᠠᠰᠠᠨ ᠴᠡᠭᠴᠡᠯᠡᠬᠦ ᠶᠢ ᠴᠢᠩᠭᠠᠳᠬᠠᠵᠦ᠂ ︽ᠳᠦᠷᠪᠡᠨ ᠦᠬᠡᠢ ᠬᠤᠶᠠᠷ ᠰᠢᠭᠤᠳ︾ ᠠᠵᠢᠯ ᠤᠨ ᠤᠪᠤᠷ ᠢᠶᠠᠷ ᠠᠶᠤᠯᠳᠠᠢ ᠬᠢᠮᠢ ᠶᠢᠨ ᠪᠤᠳᠠᠰ᠂ ᠠᠭᠤᠷᠬᠠᠢ᠂ ᠤᠯᠠᠨ ᠬᠦᠮᠦᠨ ᠴᠤᠭᠯᠠᠷᠠᠭᠰᠠᠨ ᠳᠠᠯᠠᠪᠤᠷ᠂ ᠦᠩᠬᠡᠳᠤ ᠳᠡᠮᠦᠷᠯᠢᠭ ᠬᠠᠶᠢᠯᠤᠭᠤᠯᠬᠤ᠂ ᠵᠠᠮ ᠬᠠᠷᠢᠯᠴᠠᠭ᠎ᠠ᠂ ᠪᠠᠷᠢᠯᠭ᠎ᠠ᠂ ᠠᠷᠠᠳ ᠤᠨ ᠬᠡᠷᠡᠭᠯᠡᠬᠡᠨ ᠤ ᠳᠡᠯᠪᠡᠴᠢᠬᠦ ᠪᠤᠳᠠᠰ ᠵᠡᠷᠬᠡ ᠭᠤᠤᠯᠳᠠᠯᠭ᠎ᠠ ᠲᠠᠢ ᠠᠵᠢᠯ ᠳᠦᠷᠦᠯ ᠤᠨ ᠬᠡᠪᠴᠢᠶᠡᠨ ᠳᠠᠬᠢ ᠳᠤᠰᠬᠠᠢ ᠳᠦᠷᠦᠯ ᠤᠨ ᠴᠡᠭᠴᠡᠯᠡᠨ ᠵᠠᠰᠠᠯᠳᠠ ᠪᠠᠨ ᠴᠢᠩᠭᠠᠳᠬᠠᠵᠦ᠂ ᠤᠨᠴᠠ ᠶᠡᠭᠡ ᠠᠶᠤᠯᠬᠦᠢ ᠦᠢᠯᠡᠳᠪᠤᠷᠢᠯᠡᠯ ᠤᠨ ᠬᠡᠷᠡᠭ ᠤᠴᠢᠷ ᠭᠠᠷᠬᠤ ᠶᠢ ᠡᠷᠡᠰ ᠬᠤᠷᠢᠭᠯᠠᠨ᠎ᠠ᠃ ᠢᠳᠡᠬᠡᠨ ᠤᠮᠳᠠᠭᠠᠨ᠂ ᠡᠮ ᠤᠨ ᠵᠦᠢᠯᠡᠰ ᠤᠨ ᠵᠠᠬ᠎ᠠ ᠳᠡᠯᠬᠡᠬᠦᠷ ᠤᠨ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠳᠬᠠᠵᠦ᠂ ᠤᠯᠠᠨ ᠳᠦᠮᠡᠨ ᠤ ᠢᠳᠡᠬᠡᠨ ᠤᠮᠳᠠᠭᠠᠨ᠂ ᠡᠮ ᠳᠠᠩ ᠬᠡᠷᠡᠭᠯᠡᠬᠦ ᠳᠤ ᠠᠶᠤᠯᠬᠦᠢ ᠶᠢ ᠪᠠᠳᠤᠯᠠᠨ᠎ᠠ᠃ ᠨᠡᠶᠢᠬᠡᠮ ᠤᠨ ᠠᠮᠤᠷ ᠢ ᠬᠠᠮᠠᠭᠠᠯᠠᠨ ᠰᠡᠷᠬᠡᠶᠢᠯᠡᠬᠦ ᠰᠢᠰᠲ᠋ᠧᠮ ᠢ ᠳᠡᠬᠦᠯᠳᠡᠷᠵᠢᠬᠦᠯᠵᠦ᠂ ᠲᠣᠭᠤᠷᠢᠨ ᠴᠠᠭᠳᠠᠬᠤ ᠬᠦᠴᠦᠯᠡᠴᠡ ᠪᠠᠨ ᠨᠡᠮᠡᠭᠳᠡᠬᠦᠯᠦᠨ᠂ ︽ᠪᠤᠯᠢᠶᠠᠬᠤ᠂ ᠳᠤᠨᠤᠬᠤ᠂ ᠬᠤᠯᠠᠭᠠᠶᠢᠯᠠᠬᠤ︾ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠦᠷᠬᠡᠨ ᠣᠯᠠᠨ ᠲᠦᠮᠡᠨ ᠤ ᠠᠮᠢ ᠨᠠᠰᠣ ᠡᠳ᠋ ᠬᠦᠷᠦᠩᠬᠡ ᠶᠢᠨ ᠠᠶᠣᠯᠬᠦᠢ ᠪᠠᠶᠢᠬᠤ ᠶᠢ ᠪᠠᠳᠣᠯᠠᠨ᠎ᠠ᠃ ᠳᠤᠤᠷ ᠰᠦᠯᠵᠢᠶ᠎ᠡ ᠳᠤ ᠬᠢᠨᠠᠯᠳᠠ ᠳᠠᠯᠪᠢᠬᠤ ᠪᠠ ᠶᠠᠷᠢᠶ᠎ᠡ ᠬᠡᠯᠡᠯᠴᠡᠭᠡ ᠶᠢ ᠵᠢᠯᠤᠭᠤᠳᠤᠨ ᠳᠠᠭᠠᠭᠤᠯᠬᠤ ᠎ ᠪᠠᠨ ᠠᠩᠬᠠᠷᠤᠨ᠎ᠠ᠃  ᠳᠤᠤᠷ ᠰᠦᠯᠵᠢᠶ᠎ᠡ ᠶᠢ ᠬᠠᠤᠯᠢ ᠶᠤᠰᠤᠭᠠᠷ ᠰᠠᠶᠢᠳᠤᠷ ᠬᠠᠮᠢᠶᠠᠷᠤᠨ ᠠᠰᠢᠭᠯᠠᠵᠦ᠂ ᠪᠤᠯᠪᠠᠰᠤᠨ ᠶᠤᠰᠤᠷᠬᠠᠭ᠂ ᠦᠨᠡᠨᠴᠢ ᠢᠳᠡᠬᠡᠯᠳᠡᠢ᠂ ᠡᠶ᠎ᠡ ᠵᠤᠬᠢᠴᠠᠩᠭᠤᠢ ᠳᠤᠤᠷ ᠰᠦᠯᠵᠢᠶᠡᠨ ᠤ ᠤᠷᠴᠢᠨ ᠳᠤᠭᠤᠷᠢᠨ ᠢ ᠴᠤᠭᠴᠠᠯᠠᠨ ᠪᠠᠶᠢᠭᠤᠯᠣᠨ᠎ᠠ᠃ ᠬᠠᠮᠢᠶᠠᠷᠤᠯᠳᠠ ᠶᠢᠨ ᠠᠷᠭ᠎ᠠ ᠪᠠᠨ ᠳᠡᠬᠦᠯᠳᠡᠷᠵᠢᠬᠦᠯᠦᠨ᠂ ᠳᠤᠤᠷ ᠰᠦᠯᠵᠢᠶᠡᠨ ᠳᠡᠬᠡᠷᠡᠬᠢ ᠶᠠᠷᠢᠶ᠎ᠠ ᠬᠡᠯᠡᠯᠴᠡᠬᠡᠨ ᠤ ᠪᠠᠶᠢᠳᠠᠯ ᠢ ᠢᠳᠡᠪᠬᠢᠳᠡᠢ ᠬᠠᠷᠢᠭᠤᠯᠤᠨ᠂ ᠶᠡᠷᠤᠩᠬᠡᠢ ᠳᠤᠨᠢ ᠵᠠᠳᠠᠯᠣᠯᠳᠠ ᠬᠢᠵᠣ᠂ ᠳᠤᠬᠢᠳᠠᠢ ᠰᠢᠢᠳᠪᠤᠷᠢᠯᠡᠨ᠂ ᠬᠠᠨᠳᠤᠯᠠᠭᠠᠳᠣ ᠴᠢᠨᠠᠷᠳᠠᠢ᠂ ᠰᠤᠶᠤᠭᠠᠯᠠᠯ  ᠤᠨ ᠴᠢᠨᠠᠷᠳᠠᠢ ᠠᠰᠠᠭᠤᠳᠠᠯ ᠢ ᠡᠷᠳᠡ ᠢᠯᠡᠷᠡᠬᠦᠯᠦᠨ᠂ ᠡᠷᠳᠡ ᠵᠢᠯᠤᠭᠤᠳᠤᠨ ᠳᠠᠭᠠᠭᠤᠯᠵᠦ᠂ ᠡᠷᠳᠡ ᠰᠢᠢᠳᠪᠤᠷᠢᠯᠡᠨ᠎ᠡ᠃ ᠬᠤᠶᠠᠷ ᠢ ᠬᠦᠷᠢᠶᠡᠯᠡᠬᠦ ᠬᠠᠮᠳᠤᠪᠠᠷ ᠪᠠᠶᠢᠭᠤᠯᠬᠤ ᠠᠵᠢᠯ ᠢ ᠴᠢᠩᠭᠠᠳᠬᠠᠵᠦ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠠᠵᠢᠯ ᠤᠨ ᠴᠢᠨᠠᠷ ᠴᠢᠨᠰᠠᠭ᠎ᠠ ᠪᠠ ᠬᠢᠷᠢ ᠳᠦᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠵᠦ᠂ ᠴᠡᠷᠢᠭ ᠠᠷᠠᠳ ᠬᠠᠮᠳᠤᠪᠠᠷ ᠬᠦᠭᠵᠢᠬᠦ ᠶᠢ ᠪᠠᠬᠢᠵᠢᠬᠦᠯᠦᠨ᠎ᠡ᠃     ︵ᠨᠠᠢᠮᠠ︶ ᠵᠠᠰᠠᠭ  ᠤᠨ ᠤᠷᠳᠤᠨ  ᠤ ᠡᠬᠦᠷᠬᠡ ᠴᠢᠳᠠᠪᠬᠢ ᠪᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠎ ᠢᠶᠠᠨ ᠳᠦᠯᠬᠢᠨ ᠠᠬᠢᠭᠤᠯᠵᠦ᠂ ᠦᠢᠯᠡᠴᠢᠯᠡᠬᠡᠨ  ᠤ ᠬᠠᠮᠢᠶᠠᠷᠤᠯᠳᠠ ᠶᠢᠨ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠡ᠃  ᠳᠦᠪ ᠭᠤᠤᠯᠴᠢ᠂ ᠠᠷᠢᠭᠤᠨ ᠴᠢᠬᠡᠴᠢ᠂ ᠦᠨᠳᠦᠷ ᠦᠷ᠎ᠡ ᠪᠦᠳᠦᠮᠵᠢᠳᠤ᠂ ᠬᠠᠤᠯᠢᠵᠢᠭᠰᠡᠨ ᠵᠠᠰᠠᠭ ᠤᠨ ᠤᠷᠳᠤᠨ ᠢ ᠡᠬᠦᠳᠦᠨ᠂ ᠵᠠᠰᠠᠭ ᠤᠨ ᠤᠷᠳᠤᠨ ᠤ ᠠᠵᠢᠯᠯᠠᠭ᠎ᠠ ᠨᠢ ᠬᠠᠤᠯᠢ ᠪᠠᠷ ᠵᠠᠰᠠᠬᠤ ᠬᠦᠷᠢᠶ᠎ᠡ ᠬᠡᠪᠴᠢᠶᠡᠨ ᠳᠤ ᠦᠷᠨᠢᠵᠦ᠂  ᠬᠠᠤᠯᠢ ᠪᠠᠷ ᠵᠠᠰᠠᠬᠤ ᠵᠠᠮ ᠱᠤᠭᠤᠮ ᠢᠶᠠᠷ ᠵᠠᠮᠨᠠᠬᠤ ᠶᠢ ᠪᠠᠳᠤᠯᠠᠨ᠎ᠠ᠃ ᠬᠠᠤᠯᠢ ᠶᠤᠰᠤᠭᠠᠷ ᠬᠤᠰᠢᠭᠤ ᠪᠠᠨ ᠵᠠᠰᠠᠬᠤ ᠪᠠ ᠰᠢᠨᠵᠢᠯᠡᠬᠦ ᠤᠬᠠᠨᠭᠠᠴᠢ ᠪᠠᠷ ᠵᠠᠰᠠᠭ ᠶᠠᠪᠣᠭᠤᠯᠬᠤ ᠪᠠᠨ ᠴᠢᠩᠭᠠᠳᠬᠠᠨ᠎ᠠ᠃  ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾  ᠎ ᠶᠢᠨ ᠳᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠦᠨ᠂ ᠨᠢᠬᠡᠳᠦᠬᠡᠷ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠳᠤᠭᠤᠷᠢᠨ ᠪᠠᠶᠢᠴᠠᠭᠠᠯᠳᠠ ᠶᠢᠨ ᠵᠠᠰᠠᠨ ᠴᠡᠭᠴᠡᠯᠡᠬᠦ ᠠᠷᠭ᠎ᠠ ᠠᠪᠴᠢᠯ ᠢ ᠪᠦᠬᠦ ᠲᠠᠯ᠎ᠠ ᠪᠠᠷ  ᠳᠤᠤᠱᠯᠠᠭᠤᠯᠤᠨ᠂ ᠠᠷᠢᠭᠤᠨ ᠴᠢᠬᠡᠴᠢ ᠪᠠᠷ ᠵᠠᠰᠠᠭ ᠶᠠᠪᠤᠭᠤᠯᠬᠤ ᠴᠤᠭᠴᠠᠯᠠᠯᠳᠠ ᠶᠢ ᠬᠦᠨᠵᠡᠬᠡᠢ ᠠᠬᠢᠭᠤᠯᠤᠨ᠎ᠠ᠃ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠰᠠᠨᠠᠯ ᠰᠠᠨᠠᠭᠤᠯᠭ᠎ᠠ᠂ ᠤᠯᠤᠰ ᠳᠦᠷᠦ ᠶᠢᠨ ᠵᠦᠪᠯᠡᠯᠬᠡᠨ ᠤ ᠳᠤᠷᠠᠳᠤᠯᠭ᠎ᠠ ᠶᠢ ᠪᠦᠳᠦᠮᠵᠢᠳᠠᠢ ᠬᠦᠢᠴᠡᠳᠬᠡᠵᠣ᠂ ᠡᠯ᠎ᠡ ᠡᠳᠡᠬᠡᠳ ᠤᠨ ᠬᠦᠮᠦᠰ ᠤᠨ ᠰᠠᠨᠠᠯ ᠰᠠᠨᠠᠭᠤᠯᠭ᠎ᠠ ᠶᠢ ᠤᠯᠠᠨ ᠠᠷᠭ᠎ᠠ ᠵᠠᠮ ᠢᠶᠠᠷ ᠰᠤᠨᠤᠰᠴᠦ᠂ ᠵᠠᠰᠠᠭ ᠤᠨ ᠤᠷᠳᠤᠨ ᠤ ᠬᠠᠤᠯᠢ ᠲᠦᠷᠢᠮᠵᠢᠭᠰᠡᠨ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠡ᠃ ᠬᠠᠤᠯᠢ ᠪᠠᠷ ᠵᠠᠰᠠᠬᠤ ᠰᠠᠳᠬᠢᠴᠡ ᠪᠠ ᠠᠷᠭ᠎ᠠ ᠬᠡᠯᠪᠡᠷᠢ ᠪᠠᠷ ᠡᠬᠦᠷᠬᠡ ᠳᠤᠰᠢᠶᠠᠯ ᠢᠶᠠᠨ ᠬᠦᠢᠴᠡᠳᠬᠡᠵᠣ᠂ ᠳᠦᠪ ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠬᠦᠯᠬᠦ ᠶᠢ ᠳᠦᠷᠢᠮᠵᠢᠬᠦᠯᠦᠨ ᠴᠢᠩᠭᠠᠳᠬᠠᠵᠦ᠂ ᠳᠦᠪ ᠭᠤᠤᠯᠴᠢ ᠰᠢᠳᠤᠷᠭᠤ ᠶᠤᠰᠤ ᠶᠢ ᠦᠨᠡᠨᠬᠦ ᠬᠠᠮᠠᠭᠠᠯᠠᠨ᠎ᠠ ᠃ ᠬᠠᠤᠯᠢ ᠶᠤᠰᠤᠭᠠᠷ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠦ᠂  ᠬᠠᠤᠯᠢ ᠴᠠᠭᠠᠵᠠ ᠶᠢᠨ ᠡᠬᠦᠷᠬᠡᠯᠡᠪᠡᠰᠤ ᠵᠤᠬᠢᠬᠤ ᠬᠠᠷᠢᠭᠤᠴᠠᠯᠭ᠎ᠠ ᠶᠢ ᠳᠦᠷᠢᠮᠵᠢᠬᠦᠯᠬᠦ ᠱᠠᠭᠠᠷᠳᠠᠯᠭ᠎ᠠ ᠶᠤᠰᠤᠭᠠᠷ ᠬᠠᠤᠯᠢ ᠴᠠᠭᠠᠵᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠠᠵᠢᠯ ᠤᠨ ᠡᠬᠦᠷᠬᠡ ᠳᠤᠰᠢᠶᠠᠯ ᠤᠨ ᠶᠠᠯ᠎ᠠ ᠬᠢᠬᠦ ᠶᠢ ᠰᠡᠷᠬᠡᠶᠢᠯᠡᠬᠦ ᠪᠠ ᠰᠡᠷᠡᠮᠵᠢᠯᠡᠬᠦᠯᠬᠦ ᠰᠤᠷᠭᠠᠨ ᠬᠦᠮᠦᠵᠢᠯ ᠤᠨ ᠠᠵᠢᠯ ᠢ ᠴᠢᠩᠭᠠᠳᠬᠠᠨ᠎ᠠ᠃ ᠤᠯᠠᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠳᠠᠪᠴᠠᠩ ᠤᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠤᠯᠠᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠳᠠᠪᠴᠠᠩ ᠢ ᠡᠯᠧᠷᠲᠷᠤᠨᠵᠢᠭᠤᠯᠬᠤ ᠶᠢ ᠦᠨᠳᠦᠰᠦᠨ ᠳᠡᠭᠡᠨ ᠪᠡᠶᠡᠯᠡᠬᠦᠯᠦᠨ᠎ᠡ᠃ ᠤᠬᠢ ᠰᠠᠶᠢᠨ ᠠᠵᠢᠯ ᠤᠨ ᠬᠡᠪ ᠰᠤᠷᠳᠠᠯ ᠢᠶᠠᠷ ᠨᠠᠶᠢᠳᠠᠪᠤᠷᠢᠵᠢᠭᠤᠯᠤᠯᠳᠠ ᠶᠢ ᠠᠬᠢᠭᠤᠯᠵᠦ᠂ ᠪᠦᠭᠦ ᠵᠢᠯ ᠤᠨ ᠡᠭᠦᠷᠭᠡ ᠬᠠᠷᠠᠯᠳᠠ ᠪᠠᠨ ᠦᠨᠡᠨᠬᠦ ᠪᠡᠶᠡᠯᠡᠭᠦᠯᠭᠦ ᠶᠢ ᠪᠠᠳᠤᠯᠠᠨ᠎ᠠ᠃  ᠠᠵᠢᠯ ᠤᠨ ᠦᠷ᠎ᠡ ᠠᠰᠢᠭ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠵᠦ᠂ ᠦᠷ᠎ᠡ ᠠᠰᠢᠭ ᠤᠨ ᠬᠠᠷᠢᠭᠤᠴᠠᠯᠭ᠎ᠠ ᠠᠰᠠᠭᠤᠬᠤ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦᠯᠬᠦ ᠳᠦᠷᠦᠯ ᠵᠦᠢᠯ ᠢ ᠴᠤᠮᠬᠠᠳᠬᠠᠵᠦ᠂ ᠠᠵᠢᠯ ᠤᠨ ᠶᠠᠪᠤᠴᠠ ᠶᠢ ᠨᠢ ᠳᠦᠬᠦᠮᠴᠢᠯᠡᠨ᠂ ᠦᠷ᠎ᠡ ᠪᠦᠳᠦᠮᠵᠢ ᠶᠢ ᠨᠢ ᠳᠡᠬᠡᠭᠰᠢᠯᠡᠬᠦᠯᠦᠨ᠎ᠡ᠃ 2016 ᠤᠨ ᠤ ᠡᠯ᠎ᠡ ᠡᠭᠦᠷᠭᠡ ᠬᠠᠷᠠᠯᠳᠠ ᠶᠢᠨ ᠳᠤᠭᠤᠷᠢᠨ ᠳᠤ ᠨᠠᠷᠢᠨ ᠲᠠᠩᠰᠠ ᠡᠪᠭᠡᠮᠡᠯ ᠢ ᠪᠠᠶᠢᠭᠤᠯᠤᠨ ᠪᠦᠷᠢᠨᠰᠢᠭᠦᠯᠵᠥ᠂ ᠬᠦᠴᠦᠳᠡᠢ ᠠᠷᠭ᠎ᠠ ᠪᠠᠷᠢᠯ ᠢᠶᠠᠷ ᠡᠯ᠎ᠡ ᠡᠭᠦᠷᠭᠡ ᠬᠠᠷᠠᠯᠳᠠ ᠪᠠᠨ ᠠᠮᠵᠢᠯᠳᠠᠳᠠᠢ ᠪᠡᠶᠡᠯᠡᠭᠦᠯᠭᠦ ᠶᠢ ᠪᠠᠳᠤᠯᠠᠨ᠎ᠠ᠃ ᠦᠷᠭᠡᠨ ᠤᠯᠠᠨ ᠺᠠᠳ᠋ᠷ ᠠᠵᠢᠯᠳᠠᠨ ᠤ ᠤᠯᠤᠰ ᠳᠦᠷᠦ ᠶᠢᠨ ᠲᠠᠨᠢᠯᠳᠠ᠂ ᠶᠡᠭᠡ ᠲᠠᠯ᠎ᠠ ᠎ ᠶᠢᠨ ᠳᠠᠨᠢᠯᠳᠠ᠂ ᠭᠤᠤᠯᠳᠠᠯᠭᠠᠳᠤ ᠳᠠᠨᠢᠯᠳᠠ᠂ ᠨᠢᠬᠡᠳᠦᠯᠳᠡᠢ ᠳᠠᠨᠢᠯᠳᠠ ᠶᠢ ᠤᠯᠠᠮ ᠨᠢᠭᠡ ᠠᠯᠬᠤᠮ ᠴᠢᠩᠭᠠᠳᠬᠠᠵᠥ᠂ ᠡᠯ᠎ᠡ ᠰᠤᠮᠤ ᠪᠠᠯᠭᠠᠰᠦ᠂ ᠪᠠᠶᠢᠭᠤᠯᠭ᠎ᠠ ᠨᠢᠭᠡᠴᠠ ᠶᠢᠨ ᠭᠤᠤᠯ ᠬᠠᠷᠢᠭᠤᠴᠠᠯᠭᠠᠳᠠᠨ ᠨᠢ ᠨᠢᠭᠡᠳᠦᠭᠡᠷ ᠬᠠᠷᠢᠭᠤᠴᠠᠯᠭᠠᠳᠠᠨ ᠎ ᠤ ᠡᠭᠦᠷᠭᠡ ᠬᠠᠷᠢᠭᠤᠴᠠᠯᠭ᠎ᠠ ᠪᠠᠨ ᠲᠤᠤᠱᠯᠠᠭᠤᠯᠵᠥ᠂ ᠬᠦᠴᠦ ᠪᠠᠨ ᠲᠦᠪᠯᠡᠷᠡᠭᠦᠯᠥᠨ᠂ ᠠᠵᠤ ᠠᠬᠤᠢ ᠨᠡᠶᠢᠭᠡᠮ ᠤᠨ ᠭᠦᠭᠵᠢᠯᠳᠠ ᠶᠢᠨ ᠡᠯ᠎ᠡ ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠰᠠᠶᠢᠳᠤᠷ ᠠᠳᠬᠤᠵᠥ᠂ ᠦᠨᠡᠨ ᠠᠴᠠ ᠵᠦᠪ ᠢ ᠡᠷᠢᠭᠦ ᠵᠤᠷᠢᠭ ᠰᠠᠨᠠᠭ᠎ᠠ ᠪᠠᠷ ᠡᠯ᠎ᠡ ᠳᠦᠷᠦᠯ ᠤᠨ ᠡᠭᠦᠷᠭᠡ ᠬᠠᠷᠢᠭᠤᠴᠠᠯᠭ᠎ᠠ ᠪᠠᠨ ᠲᠤᠤᠱᠯᠠᠭᠤᠯᠤᠨ᠎ᠠ᠃ ᠠᠵᠤ ᠠᠬᠤᠢ᠂ ᠨᠡᠶᠢᠭᠡᠮ᠂ ᠰᠤᠶᠤᠯ᠂ ᠠᠮᠢ ᠠᠬᠤᠢ ᠶᠢᠨ ᠪᠤᠯᠪᠠᠰᠤᠨ ᠵᠡᠷᠭᠡ ᠡᠯ᠎ᠡ ᠭᠦᠷᠢᠶ᠎ᠡ ᠭᠡᠪᠴᠢᠶᠠᠨ ᠳᠠᠬᠢ ᠦᠭᠡᠷᠡᠴᠢᠯᠡᠯᠳᠠ ᠶᠢᠨ ᠠᠵᠢᠯ ᠢ ᠯᠠᠪᠳᠠᠭᠤᠨ ᠠᠭᠢᠭᠤᠯᠵᠥ᠂ ᠠᠵᠤ ᠠᠬᠤᠢ ᠨᠡᠶᠢᠭᠡᠮ ᠤᠨ ᠭᠦᠭᠵᠢᠯᠳᠠ ᠶᠢᠨ ᠭᠦᠳᠡᠯᠭᠡᠭᠴᠢ ᠭᠦᠴᠦᠨ ᠪᠤᠯᠤᠨ ᠠᠮᠢᠵᠢᠷᠠᠯ ᠤᠨ ᠭᠦᠴᠦᠨ ᠢ ᠪᠦᠳᠦᠮᠵᠢ ᠲᠠᠢ ᠠᠭᠢᠭᠤᠯᠤᠨ᠎ᠠ᠃     ᠳᠦᠯᠦᠬᠡᠯᠡᠭᠴᠢᠳ ᠡ᠂  ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠳᠦᠯᠦᠪᠵᠢᠬᠦᠯᠬᠡ ᠶᠢᠨ ᠬᠤᠭᠤᠴᠠᠭ᠎ᠠ ᠨᠢᠬᠡᠨᠳᠡ ᠡᠬᠢᠯᠡᠯ᠎ᠡ᠃ ᠪᠢᠳᠡ ᠤᠳᠤ ᠶᠠᠭ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠠᠭᠤᠤ ᠬᠠᠷᠠᠯᠳᠠ ᠶᠢ ᠪᠡᠶᠡᠯᠡᠬᠦᠯᠬᠦ ᠰᠢᠪᠳᠤᠯᠤᠯᠳᠠ ᠶᠢᠨ ᠬᠤᠭᠤᠴᠠᠭᠠᠨ ᠳᠠᠭᠠᠨ ᠤᠷᠤᠭᠰᠠᠨ ᠪᠠᠶᠢᠨ᠎ᠠ᠃ ᠪᠢᠳᠡ ᠡᠷᠬᠡᠪᠰᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠳᠤᠤᠷ᠎ᠠ᠂ ︽ᠳᠦᠷᠪᠡᠨ ᠨᠢᠬᠡᠳᠦᠯᠳᠡᠢ︾᠂ ︽ᠳᠦᠷᠪᠡᠨ ᠤᠬᠠᠮᠰᠠᠷ ᠠᠴᠠ ᠪᠠᠨ︾ ᠬᠡᠬᠦ ᠣᠷᠢᠶᠠᠯᠠᠭ᠎ᠠ ᠶᠢᠨ ᠵᠢᠱᠢᠶᠡᠴᠢ ᠪᠤᠯᠬᠤ ᠪᠠᠷ ᠢᠳᠡᠪᠬᠢᠳᠠᠢ ᠴᠢᠷᠮᠠᠶᠢᠨ ᠠᠵᠢᠯᠯᠠᠵᠣ᠂ ︽ᠬᠠᠳᠠᠭᠠᠰᠤ ᠬᠠᠳᠠᠬᠤ︾ ᠵᠤᠷᠢᠭ ᠰᠠᠨᠠᠭ᠎ᠠ ᠪᠤᠯᠤᠨ ︽ᠮᠤᠩᠭᠤᠯ ᠮᠤᠷᠢᠨ︾᠎ ᠤ ᠮᠤᠬᠤᠰᠢ ᠦᠬᠡᠢ ᠴᠤᠭ ᠵᠢᠪᠬᠤᠭ᠎ᠠ ᠪᠠᠷ ᠪᠦᠭᠦ ᠵᠢᠯ ᠤᠨ ᠡᠭᠦᠷᠭᠡ ᠬᠠᠷᠢᠭᠤᠴᠠᠯᠭ᠎ᠠ ᠪᠠᠨ ᠲᠦᠭᠦᠷᠡᠩ ᠠᠮᠵᠢᠯᠳᠠᠳᠠᠢ ᠪᠡᠶᠡᠯᠡᠭᠦᠯᠵᠥ᠂  ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠬᠤᠪᠢ ᠨᠡᠮᠡᠷᠢ ᠪᠠᠨ ᠡᠷᠬᠦᠶ᠎ᠡ︕
 
ᠢᠷᠡᠯᠲᠡ᠄ ᠪᠠᠷᠠᠭᠤᠨ ᠦᠵᠣᠮᠣᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号