| — 2016 ᠣᠨ ᠤ 3 ᠰᠠᠷ᠎ᠠ ᠶᠢᠨ 2 ᠤ ᠡᠳᠣᠷ ᠪᠠᠷᠠᠭᠤᠨ ᠦᠵᠣᠮᠣᠴᠢᠨ ᠬᠤᠰᠢᠭᠤᠨ ᠤ ᠠᠷᠪᠠᠨ | ᠲᠦᠷᠪᠡᠳᠣᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠬᠡᠷ ᠣᠳᠠᠭᠠᠨ ᠤ | ᠬᠤᠷᠠᠯᠳᠣᠭᠠᠨ ᠳᠡᠬᠡᠷ᠎ᠡ | ᠪᠠᠷᠠᠭᠤᠨ ᠦᠵᠣᠮᠣᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠠᠷᠤᠭ᠎ᠠ | ᠴᠢᠯᠠᠭᠤ | | ᠳᠦᠯᠦᠬᠡᠯᠡᠭᠴᠢᠳ ᠡ᠄ | ᠣᠳᠣ ᠪᠢ ᠪᠠᠷᠠᠭᠤᠨ ᠦᠵᠣᠮᠣᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠵᠣ᠂ | ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠃ ᠲᠠ ᠪᠦᠬᠦᠨ ᠬᠢᠨᠠᠨ ᠵᠦᠪᠯᠡᠬᠦ ᠪᠣᠯᠪᠠᠤ᠃ ᠲᠡᠷᠡᠴᠢᠯᠡᠨ ᠤᠯᠤᠰ | ᠲᠥᠷᠦ ᠶᠢᠨ ᠵᠦᠪᠯᠡᠯᠭᠡᠨ ᠤ ᠬᠡᠰᠢᠬᠦᠳ ᠪᠣᠯᠣᠨ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠳᠤᠷᠠᠳᠬᠤ ᠶᠢ | ᠬᠦᠰᠡᠵᠦ ᠪᠠᠶᠢᠨ᠎ᠠ᠃ | ᠨᠢᠬᠡ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠤᠯᠤᠨ | 2015 ᠣᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠷᠭᠢᠴᠡᠭᠦᠯᠣᠯ | ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠣᠯ ᠮᠠᠨ ᠤ | ᠬᠤᠰᠢᠭᠤᠨ ᠤ ᠬᠦᠭᠵᠢᠯᠳᠡ ᠶᠢᠨ ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠬᠤᠭᠤᠴᠠᠭ᠎ᠠ ᠪᠣᠯᠤᠨ᠎ᠠ᠃ | ᠲᠠᠪᠣᠨ ᠵᠢᠯ ᠤᠨ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠣᠳᠤᠯᠢᠶᠠᠨᠲᠠᠢ | ᠪᠦᠭᠡᠳ ᠬᠠᠳᠠᠭᠤ ᠴᠢᠩᠭ᠎ᠠ ᠠᠵᠤ ᠠᠬᠤᠢ ᠶᠢᠨ ᠪᠠᠶᠢᠳᠠᠯ ᠪᠣᠯᠣᠨ ᠬᠦᠴᠢᠷ ᠪᠡᠷᠬᠡᠰᠢᠶᠡᠯᠲᠠᠢ ᠦᠭᠡᠷᠡᠴᠢᠯᠡᠯᠳᠡ | ᠬᠦᠭᠵᠢᠯᠳᠡ ᠶᠢ ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠠ᠂ ᠬᠤᠰᠢᠭᠤ ᠨᠠᠮ ᠤᠨ ᠬᠤᠷᠢᠶᠠᠨ ᠤ ᠵᠦᠪ | ᠤᠨᠤᠪᠴᠢᠳᠠᠢ ᠤᠳᠤᠷᠢᠳᠤᠯᠭ᠎ᠠ ᠪᠣᠯᠣᠨ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠶᠢᠨ ᠬᠢᠨᠠᠯᠳᠠ ᠪᠠ ᠣᠯᠣᠰ ᠲᠦᠷᠦ ᠶᠢᠨ ᠵᠦᠪᠯᠡᠯᠬᠡᠨ ᠤ ᠲᠡᠮᠵᠢᠯᠬᠡ ᠲᠣᠣᠷ᠎ᠠ᠂ ᠬᠤᠰᠢᠭᠤ ᠵᠠᠰᠠᠭ ᠤᠨ | ᠤᠷᠳᠤᠨ ᠨᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠳᠤ ᠲᠥᠰᠢᠭᠯᠡᠵᠦ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ | ᠪᠣᠯᠤᠨ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠳᠠ ᠶᠢ | ᠨᠠᠶᠢᠳᠠᠪᠤᠷᠢᠵᠢᠭᠤᠯᠬᠤ ᠲᠣᠭᠤᠷᠢᠨ ᠳᠤ ᠦᠪᠡᠷᠳᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ︽8337︾ | ᠬᠦᠭᠵᠢᠯᠳᠡ ᠶᠢᠨ ᠰᠡᠳᠭᠢᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ︽ᠠᠷᠪᠠᠨ ᠨᠡᠩ ᠰᠠᠶᠢᠨ︾᠂ ︽ᠵᠢᠷᠭᠤᠭᠠᠨ ᠲᠠᠭᠠᠨ ᠤᠷᠤᠭᠰᠢᠯᠠᠬᠤ︾ ᠠᠵᠢᠯ ᠤᠨ | ᠪᠠᠶᠢᠷᠢᠯᠠᠭᠤᠯᠤᠯᠳᠠ ᠶᠤᠰᠤᠭᠠᠷ᠂ ᠬᠤᠰᠢᠭᠤ ᠨᠠᠮ ᠤᠨ ᠬᠤᠷᠢᠶᠠᠨ ᠤ ︽ᠭᠤᠷᠪᠠ ᠶᠢ ᠪᠠᠷᠢᠮᠳᠠᠯᠠᠬᠤ᠂ ᠭᠤᠷᠪᠠ ᠶᠢ | ᠪᠦᠳᠣᠬᠡᠨ ᠪᠠᠶᠢᠭᠤᠯᠬᠤ︾ ᠠᠵᠢᠯ ᠤᠨ ᠰᠡᠳᠬᠢᠴᠠ ᠶᠢ ᠬᠦᠨᠵᠡᠬᠡᠢ ᠳᠦᠯᠬᠢᠨ ᠠᠬᠢᠭᠤᠯᠤᠭᠰᠠᠨ ᠠᠴᠠ ᠪᠦᠬᠦ | ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠳᠤ ᠬᠦᠴᠦᠨ᠂ ᠠᠵᠤ ᠦᠢᠯᠡᠰ ᠤᠨ ᠬᠦᠭᠵᠢᠯᠳᠡ ᠶᠢᠨ | ᠲᠡᠰ ᠳᠠᠪᠬᠤᠷᠭ᠎ᠠ᠂ ᠬᠤᠲᠠ ᠬᠥᠳᠡᠭᠡ ᠶᠢᠨ ᠬᠦᠭᠵᠢᠯᠳᠡ ᠶᠢᠨ ᠳᠦᠷᠢ ᠳᠦᠷᠬᠦ᠂ ᠬᠦᠭᠵᠢᠯᠳᠡ ᠶᠢᠨ ᠪᠠᠲᠤᠯᠠᠭ᠎ᠠ ᠶᠢᠨ | ᠴᠢᠳᠠᠪᠤᠷᠢ ᠪᠠ ᠠᠷᠠᠳ ᠤᠨ ᠠᠮᠢᠳᠤᠷᠠᠯ ᠤᠨ ᠬᠢᠷᠢ ᠲᠥᠪᠰᠢᠨ ᠴᠦᠮ ᠰᠢᠨ᠎ᠡ ᠨᠢᠭᠡᠨ ᠱᠠᠳᠤᠨ ᠳᠤ ᠬᠦᠷᠴᠦ᠂ ︽ | ᠠᠷᠪᠠᠨ ᠬᠤᠶᠠᠳᠤᠭᠠᠷ ᠳᠠᠪᠤᠨ ᠵᠢᠯ︾ ᠤᠨ ᠳᠦᠯᠦᠪᠵᠢᠬᠦᠯᠬᠡ ᠪᠠᠨ ᠳᠡᠬᠦᠰ ᠠᠮᠵᠢᠯᠳᠠᠳᠠᠢ ᠪᠡᠶᠡᠯᠡᠬᠦᠯᠦᠨ᠂ ᠮᠠᠨ ᠤ | ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠴᠣ ᠰᠢᠨ᠎ᠡ ᠪᠠᠶᠢᠳᠠᠯ ᠢ ᠨᠡᠭᠡᠭᠡᠪᠡ᠃ | — ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠳᠤ ᠬᠦᠴᠦᠨ ᠢᠯᠡᠳᠳᠡ ᠴᠢᠩᠭᠠᠷᠠᠪᠡ᠃ ᠳᠠᠪᠤᠨ ᠵᠢᠯ ᠤᠨ | ᠳᠤᠷᠰᠢ᠂ ᠬᠦᠭᠵᠢᠯᠳᠡ ᠶᠢ ᠰᠦᠪᠡᠭᠴᠢᠯᠡᠬᠦ᠂ ᠬᠡᠯᠪᠡᠷᠢ ᠶᠢᠨ ᠬᠤᠪᠢᠷᠠᠭᠤᠯᠤᠯᠳᠠ ᠶᠢ ᠠᠳᠬᠤᠬᠤ ᠶᠢ ᠭᠤᠶᠢᠪᠢᠰᠢ | ᠦᠬᠡᠢ ᠪᠠᠷᠢᠮᠳᠠᠯᠠᠵᠦ᠂ ᠬᠦᠭᠵᠢᠯᠳᠡ ᠶᠢᠨ ᠶᠠᠪᠤᠴᠠ ᠳᠤᠮᠳᠠᠬᠢ ᠴᠢᠬᠤᠯᠠ ᠶᠡᠭᠡ ᠰᠢᠪᠳᠤᠯᠤᠯᠳᠠ ᠶᠢ ᠪᠡᠶᠡᠯᠡᠬᠦᠯᠤᠨ᠂ | ᠪᠠᠷᠠᠭᠤᠨ ᠦᠵᠦᠮᠦᠴᠢᠨ ᠬᠤᠰᠢᠭᠤᠨ ᠤ ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | 2015 ᠤᠨ ᠪᠤᠯᠬᠤ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠤᠷᠢᠯᠡᠯ ᠤᠨ ᠶᠡᠷᠤᠩᠬᠡᠢ ᠦᠷᠳᠡᠭ | 2010 ᠤᠨ ᠠᠴᠠ 34.2% ᠢᠶᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 6.1% ᠪᠠᠷ ᠨᠡᠮᠡᠭᠳᠡᠵᠠᠢ᠃ ᠪᠦᠬᠦ | ᠬᠤᠰᠢᠭᠤᠨ ᠤ ᠭᠠᠵᠠᠷ ᠤᠷᠤᠨ ᠤ ᠡᠳ᠋ ᠤᠨ ᠵᠠᠰᠠᠭ ᠤᠨ ᠶᠡᠷᠣᠩᠬᠡᠢ ᠣᠷᠣᠯᠭ᠎ᠠ 2010 ᠤᠨ ᠠᠴᠠ 90 % ᠪᠠᠷ | ᠨᠡᠮᠡᠭᠳᠡᠵᠦ᠂ ᠵᠢᠯ ᠪᠦᠷᠢ ᠳᠤᠮᠳᠠᠴᠢ ᠪᠠᠷ 11.5 % ᠪᠠᠷ ᠨᠡᠮᠡᠭᠳᠡᠪᠡ᠃ ᠡᠬᠦᠨ ᠳᠤ᠂ ᠤᠯᠠᠨ ᠨᠡᠶᠢᠳᠡ ᠶᠢᠨ ᠡᠳ᠋ | ᠤᠨ ᠵᠠᠰᠠᠭ ᠤᠨ ᠳᠦᠰᠦᠪᠯᠡᠨ ᠪᠤᠳᠤᠯᠳᠠ ᠶᠢᠨ ᠤᠷᠤᠯᠭ᠎ᠠ 2010 ᠤᠨ ᠠᠴᠠ 58% ᠪᠠᠷ ᠨᠡᠮᠡᠭᠳᠡᠵᠦ᠂ ᠵᠢᠯ | ᠪᠦᠷᠢ ᠳᠤᠮᠳᠠᠴᠢ ᠪᠠᠷ 9.6 % ᠪᠠᠷ ᠨᠡᠮᠡᠭᠳᠡᠪᠡ᠃ ︽ᠠᠷᠪᠠᠨ ᠬᠤᠶᠠᠳᠤᠭᠠᠷ ᠳᠠᠪᠤᠨ ᠵᠢᠯ︾ ᠤᠨ | ᠲᠦᠯᠦᠪᠵᠢᠭᠦᠯᠭᠡ ᠶᠢᠨ ᠬᠤᠭᠤᠴᠠᠭᠠᠨ ᠳᠤ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠳᠠ ᠨᠢ ︽ᠠᠷᠪᠠᠨ | ᠨᠢᠬᠡᠳᠦᠬᠡᠷ ᠳᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠠᠴᠠ ᠪᠠᠨ 22.4% ᠪᠠᠷ ᠨᠡᠮᠡᠭᠳᠡᠵᠠᠢ᠃ | ᠠᠵᠤ ᠠᠬᠤᠢ ᠶᠢᠨ ᠪᠠᠭᠤᠷᠠᠯ ᠤᠨ ᠲᠠᠷᠣᠯᠳᠠ ᠶᠢᠨ ᠳᠣᠣᠷ᠎ᠠ ᠰᠢᠨ᠎ᠠ ᠶᠢ ᠡᠭᠦᠳᠴᠤ᠂ ᠲᠣᠬᠢᠷᠠᠭᠤᠯᠭ᠎ᠠ ᠡᠵᠡᠮᠰᠢᠯ ᠤᠨ | ᠠᠷᠭ᠎ᠠ ᠠᠪᠴᠢᠯ ᠢᠶᠠᠷ ᠳᠠᠮᠵᠢᠨ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠵᠤ᠂ ᠰᠢᠨ᠎ᠡ ᠬᠡᠪ ᠪᠠᠶᠢᠳᠠᠯ | ᠳᠣᠣᠷᠠᠬᠢ ᠰᠢᠨ᠎ᠡ ᠬᠦᠭᠵᠢᠯᠳᠡ ᠶᠢ ᠪᠡᠶᠡᠯᠡᠭᠦᠯᠪᠡ᠃ | — ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠭᠦ ᠶᠢ ᠳᠤᠭᠳᠠᠭᠤᠨ ᠢᠶᠠᠷ ᠠᠬᠢᠭᠤᠯᠪᠠ᠃ ᠬᠦᠭᠵᠢᠯᠳᠡ | ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ᠂ ᠪᠦᠳᠦᠴᠡ ᠪᠠᠨ ᠳᠤᠬᠢᠷᠠᠭᠤᠯᠵᠦ᠂ ᠠᠵᠤ ᠠᠬᠤᠢ ᠶᠢᠨ ᠴᠢᠨᠠᠷ | ᠴᠢᠨᠰᠠᠭ᠎ᠠ ᠪᠠ ᠦᠷ᠎ᠡ ᠠᠰᠢᠭ ᠢ ᠳᠡᠬᠡᠭᠰᠢᠯᠡᠬᠦᠯᠦᠭᠰᠡᠨ ᠠᠴᠠ ᠭᠤᠷᠪᠠᠨ ᠠᠵᠤ ᠦᠢᠯᠡᠰ ᠤᠨ ᠪᠦᠳᠦᠴᠡ 2010 ᠣᠨ | ᠤ 9᠄ 81᠄ 10 ᠠᠴᠠ ᠪᠠᠨ 13.4᠄ 72.4᠄ 14.2 ᠪᠤᠯᠵᠦ᠂ ᠨᠢᠬᠡᠳᠦᠬᠡᠷ ᠠᠵᠤ ᠦᠢᠯᠡᠰ ᠪᠠ | ᠭᠤᠷᠪᠠᠳᠤᠭᠠᠷ ᠠᠵᠤ ᠦᠢᠯᠡᠰ ᠤᠨ ᠡᠵᠡᠯᠡᠬᠦᠨ ᠨᠢ ᠳᠡᠬᠡᠭᠰᠢᠯᠡᠵᠦ᠂ ᠬᠤᠶᠠᠳᠤᠭᠠᠷ ᠠᠵᠤ ᠦᠢᠯᠡᠰ ᠤᠨ ᠡᠵᠡᠯᠡᠬᠦᠨ | ᠨᠢ ᠪᠠᠭᠤᠷᠠᠨ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠨᠢ ᠵᠢᠯ ᠳᠠᠷᠠᠭᠠᠯᠠᠨ ᠨᠡᠮᠡᠭᠳᠡᠵᠦ᠂ ᠠᠵᠤ | ᠦᠢᠯᠡᠰ ᠤᠨ ᠳᠤᠬᠢᠷᠠᠭᠤᠯᠭ᠎ᠠ ᠨᠢ ᠪᠤᠳᠠᠳᠤ ᠦᠷ᠎ᠡ ᠪᠦᠳᠦᠮᠵᠢ ᠤᠯᠪᠠ᠃ ᠠᠵᠤ ᠦᠢᠯᠡᠳᠪᠤᠷᠢᠵᠢᠯᠳᠡ ᠶᠢᠨ | ᠰᠡᠳᠬᠢᠴᠡ ᠠᠴᠠ ᠮᠠᠯ ᠠᠵᠤ ᠠᠬᠤᠢ ᠶᠢᠨ ᠦᠢᠯᠡᠰ ᠤᠨ ᠬᠦᠭᠵᠢᠯᠳᠡ ᠳᠤ ᠠᠷᠭ᠎ᠠ ᠰᠦᠪᠡᠭᠴᠢᠯᠡᠵᠦ᠂ ᠮᠠᠯ ᠠᠵᠤ | ᠠᠬᠤᠢ ᠶᠢᠨ ᠠᠵᠤ ᠦᠢᠯᠡᠰᠵᠢᠯᠳᠡ ᠶᠢᠨ ᠠᠬᠢᠴᠠ ᠶᠢ ᠳᠦᠷᠬᠡᠳᠬᠡᠪᠡ᠃ ᠡᠯ᠎ᠡ ᠵᠦᠢᠯ ᠤᠨ ᠠᠷᠠᠳ ᠲᠤ ᠠᠰᠢᠭ | ᠬᠦᠷᠳᠡᠬᠡᠬᠦ ᠳᠦᠷᠦ ᠶᠢᠨ ᠪᠤᠳᠤᠯᠭ᠎ᠠ ᠶᠢ ᠳᠠᠰᠤᠷᠠᠯᠳᠠ ᠦᠬᠡᠢ ᠳᠡᠬᠦᠯᠳᠡᠷᠵᠢᠬᠦᠯᠵᠦ᠂ ᠳᠠᠪᠤᠨ ᠵᠢᠯ ᠤᠨ ᠳᠤᠷᠰᠢ | ᠨᠡᠶᠢᠳᠡ 11.8 ᠳ᠋ᠦᠩᠰᠢᠭᠤᠷ ᠲᠦᠭᠦᠷᠢᠭ ᠤᠨ ᠪᠡᠯᠡ ᠮᠦᠩᠬᠦ ᠵᠠᠷᠤᠴᠠᠭᠤᠯᠵᠦ᠂ ᠮᠠᠯᠴᠢᠳ ᠤᠨ ᠦᠢᠯᠡᠳᠪᠤᠷᠢᠯᠡᠯ | ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠳᠤ ᠵᠢᠯᠤᠭᠤᠳᠤᠮᠵᠢ ᠬᠠᠩᠭᠠᠨ᠂ ᠮᠠᠯ ᠰᠦᠷᠦᠭ ᠤᠨ | ᠪᠦᠳᠦᠴᠡ ᠶᠢ ᠰᠢᠯᠢᠳᠡᠭᠵᠢᠬᠦᠯᠪᠡ᠃ ᠵᠢᠯ ᠤᠨ ᠡᠴᠦᠰ ᠤᠨ ᠮᠠᠯ ᠤᠨ ᠳᠤᠭ᠎ᠠ ᠳᠤᠯᠤᠭᠠᠢ ᠶᠢ 100 ᠳᠦᠮᠡ ᠶᠢᠨ | ᠳᠤᠳᠤᠷ᠎ᠠ ᠳᠤᠭᠳᠠᠪᠤᠷᠢᠵᠢᠭᠤᠯᠵᠦ᠂ 2015 ᠤᠨ ᠳᠤ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠦᠷᠳᠡᠭ | 25.4 ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ ᠮᠠᠯᠴᠢᠳ ᠤᠨ ᠦᠪᠡᠷᠳᠡᠬᠡᠨ ᠵᠤᠬᠢᠶᠠᠨ ᠪᠠᠶᠢᠭᠤᠯᠤᠭᠰᠠᠨ | ᠮᠠᠯᠵᠢᠬᠤ ᠤᠷᠤᠨ ᠤ ᠠᠵᠤ ᠠᠬᠤᠢ ᠶᠢᠨ ᠬᠤᠷᠰᠢᠶᠠᠵᠢᠯ 439 ᠳᠤ ᠬᠦᠷᠴᠦ᠂ 3827 ᠡᠷᠦᠬᠡ ᠶᠢᠨ 6968 | ᠬᠦᠮᠦᠨ ᠢ ᠬᠠᠮᠦᠷᠴᠦ᠂ ᠮᠠᠯᠵᠢᠬᠤ ᠤᠷᠤᠨ ᠤ ᠵᠤᠬᠢᠶᠠᠨ ᠪᠠᠶᠢᠭᠤᠯᠤᠯᠳᠠ ᠶᠢᠨ ᠳᠦᠪᠰᠢᠨ ᠢ ᠤᠯᠠᠮ ᠨᠢᠬᠡ ᠠᠯᠬᠤᠮ | ᠳᠡᠬᠡᠭᠰᠢᠯᠡᠬᠦᠯᠪᠡ᠃ ᠠᠵᠤ ᠦᠢᠯᠡᠳᠪᠤᠷᠢ ᠨᠢ ᠦᠷᠬᠦᠯᠵᠢᠯᠡᠨ ᠪᠦᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ᠂ | ᠡᠳ᠋ ᠤᠨ ᠵᠠᠰᠠᠭ ᠤᠨ ᠨᠡᠮᠡᠭᠳᠡᠯ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ | ᠵᠠᠩᠬᠢᠯᠠᠭ᠎ᠠ ᠪᠤᠯᠵᠦ᠂ ᠤᠷᠢᠳ ᠬᠤᠵᠢᠳ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ᠂ ᠬᠤᠸᠠ ᠳ᠋ᠢᠶᠠᠨ | ᠪᠦᠯᠦᠭᠯᠡᠯ᠂ ᠳ᠋ᠠ ᠳᠠᠩ ᠪᠦᠯᠦᠭᠯᠡᠯ᠂ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ᠂ | ᠬᠤᠸᠠ ᠷᠦᠨ ᠪᠦᠯᠦᠭᠯᠡᠯ᠂ ᠵᠢᠩ ᠨᠧᠩ ᠪᠦᠯᠦᠭᠯᠡᠯ᠂ ᠲᠢᠶᠧ ᠮᠸᠡᠢ ᠪᠦᠯᠦᠭᠯᠡᠯ᠂ ᠵᠧᠩᠵᠸᠤ ᠶᠢᠨ ᠨᠡᠬᠦᠷᠡᠰᠦᠨ ᠤ | ᠠᠵᠤ ᠦᠢᠯᠡᠳᠪᠦᠷᠢ ᠶᠢᠨ ᠪᠦᠯᠦᠭᠯᠡᠯ᠂ ᠰᠢᠩ ᠶᠸᠢ ᠪᠥᠯᠦᠭᠯᠡᠯ᠂ ᠶᠢᠨ ᠲᠠᠢ ᠪᠦᠯᠦᠭᠯᠡᠯ ᠵᠡᠷᠭᠡ ᠨᠢᠭᠡ ᠪᠥᠯᠦᠭ ᠠᠵᠤ | ᠠᠬᠤᠶᠢᠯᠠᠯ ᠨᠢ ᠮᠠᠨ ᠤ ᠬᠤᠰᠢᠭᠤᠨ ᠤ ᠨᠡᠬᠦᠷᠡᠰᠤ᠂ ᠴᠠᠬᠢᠯᠭᠠᠨ ᠬᠦᠴᠦᠨ᠂ ᠦᠩᠬᠡᠳᠤ ᠳᠡᠮᠦᠷᠯᠢᠭ ᠢ ᠰᠤᠩᠭᠤᠨ | ᠪᠤᠯᠪᠠᠰᠤᠷᠠᠭᠤᠯᠬᠤ᠂ ᠰᠢᠨ᠎ᠡ ᠡᠨᠧᠷᠬᠢ᠂ ᠤᠯᠠᠭᠠᠨ ᠢᠳᠡᠬᠡᠨ ᠢ ᠪᠤᠯᠪᠠᠰᠤᠷᠠᠭᠤᠯᠬᠤ ᠵᠡᠷᠬᠡ ᠤᠯᠠᠨ ᠬᠦᠷᠢᠶ᠎ᠡ | ᠬᠡᠪᠴᠢᠶᠡᠨ ᠳᠤ ᠪᠡᠯᠡ ᠤᠷᠤᠭᠤᠯᠤᠨ ᠪᠦᠳᠦᠬᠡᠨ ᠪᠠᠶᠢᠭᠤᠯᠤᠭᠰᠠᠨ ᠪᠤᠶᠤ ᠰᠢᠨ᠎ᠡ ᠳᠦᠷᠦᠯ ᠵᠦᠢᠯ ᠢ ᠪᠠᠶᠢᠭᠤᠯᠬᠤ ᠪᠠᠷ | ᠳᠦᠯᠤᠪᠯᠡᠵᠦ᠂ ᠮᠠᠨ ᠤ ᠬᠤᠰᠢᠭᠤᠨ ᠤ ᠠᠵᠤ ᠦᠢᠯᠡᠳᠪᠤᠷᠢ ᠶᠢᠨ ᠠᠵᠤ ᠠᠬᠤᠢ ᠶᠢᠨ ᠬᠤᠶᠢᠰᠢᠳᠡ ᠶᠢᠨ ᠬᠦᠭᠵᠢᠯᠳᠡ | ᠳᠤ ᠨᠦᠬᠡᠴᠡ ᠬᠦᠴᠦᠨ ᠬᠠᠩᠭᠠᠭᠰᠠᠨ ᠪᠠᠶᠢᠨ᠎ᠠ᠃ ᠪᠦᠬᠦ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ | ᠦᠢᠯᠡᠳᠪᠦᠷᠢ 29 ᠡᠷᠦᠬᠡ ᠳᠤ ᠬᠦᠷᠴᠦ᠂ ᠡᠭᠦᠨ ᠳᠤ 13 ᠡᠷᠦᠬᠡ ᠶᠢᠨ ᠦᠢᠯᠡᠳᠪᠦᠷᠢᠯᠡᠯ ᠤᠨ ᠥᠷᠲᠡᠭ ᠨᠢ | ᠳ᠋ᠥᠩᠰᠢᠭᠤᠷ ᠲᠥᠬᠦᠷᠢᠭ ᠢ ᠳᠠᠪᠠᠵᠤ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠵᠢᠯ ᠪᠦᠷᠢ ᠲᠣᠮᠳᠠᠴᠢ ᠪᠠᠷ 3.4% ᠪᠠᠷ ᠦᠰᠪᠡ᠃ ᠰᠤᠶᠤᠯ ᠵᠢᠭᠤᠯᠴᠢᠯᠠᠯ ᠤᠨ ᠠᠵᠤ ᠦᠢᠯᠡᠰ | ᠴᠡᠴᠡᠭᠯᠡᠨ ᠬᠦᠭᠵᠢᠵᠦ᠂ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ ᠪᠠᠶᠠᠰᠤᠨ ᠵᠤᠭᠠᠴᠠᠬᠤ ᠳᠠᠷᠬᠠᠨ ᠣᠷᠤᠨ | ︾ ᠬᠡᠮᠡᠬᠦ ᠬᠥᠭ ᠠᠶᠠᠰ ᠢ ᠴᠤᠤᠷᠢᠶᠠᠳᠤᠭᠤᠯᠵᠦ᠂ ︽ᠬᠤᠶᠠᠷ ᠶᠡᠭᠡ ᠭᠤᠣᠯ ᠰᠡᠳᠣᠪᠳᠣ ᠠᠵᠢᠯᠯᠠᠭ᠎ᠠ᠂ ᠲᠦᠷᠪᠡᠨ | ᠲᠦᠷᠦᠯ ᠤᠨ ᠰᠣᠶᠣᠯ ᠲᠠᠮᠢᠷ ᠤᠨ ᠣᠷᠣᠯᠳᠣᠭᠠᠨ︾ ᠤ ᠨᠡᠷ᠎ᠡ ᠠᠯᠳᠠᠷᠰᠢᠯ ᠢ ᠳᠠᠰᠤᠷᠠᠯᠳᠠ ᠦᠬᠡᠢ ᠳᠡᠬᠡᠭᠰᠢᠯᠡᠬᠦᠯᠵᠦ᠂ | ᠪᠡᠶ᠎ᠡ ᠳᠠᠮᠢᠷ ᠤᠨ ᠤᠷᠤᠯᠳᠤᠭᠠᠨ ᠤ ᠬᠢᠷᠢ ᠳᠦᠪᠰᠢᠨ ᠢ ᠤᠯᠠᠮ ᠨᠢᠬᠡ ᠠᠯᠬᠤᠮ ᠴᠢᠩᠭᠠᠷᠠᠭᠤᠯᠤᠨ᠂ ᠤᠯᠠᠨ ᠳᠦᠮᠨᠨᠴᠢ | ᠴᠢᠨᠠᠷᠳᠠᠢ ᠲᠠᠮᠢᠷ ᠤᠨ ᠬᠦᠳᠡᠯᠬᠡᠬᠡᠨ ᠢ ᠦᠷᠬᠡᠨ ᠢᠶᠠᠷ ᠦᠷᠨᠢᠬᠦᠯᠦᠭᠰᠡᠨ ᠠᠴᠠ ᠵᠢᠭᠤᠯᠴᠢᠯᠠᠯ ᠤᠨ ᠦᠢᠯᠡᠰ | ᠦᠷᠬᠦᠯᠵᠢᠯᠡᠨ ᠡᠷᠡᠬᠦᠯ ᠢᠶᠠᠷ ᠬᠦᠭᠵᠢᠵᠦ᠂ ᠪᠦᠬᠦ ᠬᠤᠰᠢᠭᠤᠨ ᠤ ᠤᠯᠤᠰ ᠤᠨ ᠳᠤᠳᠤᠭᠠᠳᠤ ᠭᠠᠳᠠᠭᠠᠳᠤ ᠶᠢᠨ | ᠵᠢᠭᠤᠯᠴᠢᠯᠠᠭᠰᠠᠳ ᠨᠢ 2010 ᠤᠨ ᠠᠴᠠ 138% ᠪᠠᠷ ᠨᠡᠮᠡᠭᠳᠡᠨ᠂ ᠵᠢᠭᠤᠯᠴᠢᠯᠠᠯ ᠤᠨ ᠤᠷᠤᠯᠭ᠎ᠠ ᠨᠢ 358% | ᠪᠠᠷ ᠨᠡᠮᠡᠭᠳᠡᠵᠤ᠂ ᠵᠢᠭᠤᠯᠴᠢᠯᠠᠯ ᠤᠨ ᠦᠢᠯᠡᠴᠢᠯᠡᠬᠡᠨ ᠤ ᠦᠢᠯᠡᠰ ᠢ ᠶᠠᠭ ᠰᠢᠨ᠎ᠡ ᠳᠤᠯᠭᠠᠭᠤᠷᠢᠯᠠᠭᠴᠢ ᠠᠵᠤ ᠦᠢᠯᠡᠰ | ᠪᠤᠯᠭᠠᠨ ᠪᠤᠵᠠᠭᠠᠶᠢᠷᠠᠭᠤᠯᠵᠦ ᠪᠠᠶᠢᠨ᠎ᠠ᠃ | — ᠬᠦᠭᠵᠢᠯᠳᠡ ᠶᠢᠨ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠬᠦᠭᠵᠢᠯᠳᠡ ᠳᠤ | ᠰᠠᠭᠤᠷᠢ ᠳᠠᠯᠪᠢᠬᠤ᠂ ᠠᠯᠤᠰ ᠬᠡᠳᠤ ᠶᠢ ᠪᠤᠳᠤᠯᠬᠢᠯᠠᠬᠤ ᠶᠢ ᠪᠠᠷᠢᠮᠳᠠᠯᠠᠵᠦ᠂ ᠰᠠᠭᠤᠷᠢ ᠳᠦᠬᠦᠬᠡᠷᠦᠮᠵᠢ ᠶᠢᠨ | ᠪᠠᠶᠢᠭᠤᠯᠤᠯᠳᠠ ᠪᠠᠨ ᠴᠢᠩᠭᠠᠳᠬᠠᠵᠦ᠂ ᠬᠦᠭᠵᠢᠯᠳᠡ ᠶᠢᠨ ᠬᠢᠵᠠᠭᠠᠷᠯᠠᠯ ᠢ ᠰᠢᠪᠳᠤᠯᠪᠠ᠃ ᠵᠠᠰᠠᠮᠠᠯ ᠵᠠᠮ ᠤᠨ | ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠲᠠᠪᠤᠨ ᠵᠢᠯ ᠤᠨ ᠳᠤᠷᠰᠢ᠂ ᠨᠡᠶᠢᠳᠡ 13.3 ᠳ᠋ᠥᠩᠰᠢᠭᠤᠷ ᠲᠥᠬᠦᠷᠢᠭ | ᠵᠠᠷᠤᠴᠠᠭᠤᠯᠵᠦ᠂ 183.2 ᠺᠢᠯᠤᠮᠧᠲᠷ ᠪᠦᠬᠦᠢ ᠤᠯᠤᠰ᠂ ᠮᠤᠵᠢ ᠶᠢᠨ ᠵᠠᠮ ᠤᠨ ᠪᠦᠳᠦᠬᠡᠨ ᠪᠠᠶᠢᠭᠤᠯᠤᠯᠳᠠ ᠶᠢ | ᠪᠡᠶᠡᠯᠡᠬᠦᠯᠵᠦ᠂ ᠰᠤᠮᠤ ᠪᠠᠯᠭᠠᠰᠤ᠂ ᠭᠠᠴᠠᠭᠠᠨ ᠳᠤ 467 ᠺᠢᠯᠤᠮᠧᠲᠷ ᠪᠦᠬᠦᠢ ᠵᠠᠰᠠᠮᠠᠯ ᠵᠠᠮ ᠵᠠᠰᠠᠵᠦ᠂ ᠵᠠᠮ | ᠱᠤᠭᠤᠮ ᠤᠨ ᠬᠠᠷᠢᠯᠴᠠᠨ ᠨᠡᠪᠳᠡᠷᠡᠯᠴᠡᠬᠦ ᠶᠢ ᠤᠯᠠᠮ ᠨᠢᠬᠡ ᠠᠯᠬᠤᠮ ᠰᠢᠯᠢᠳᠡᠭᠵᠢᠬᠦᠯᠪᠡ᠃ ᠳᠡᠮᠦᠷ ᠵᠠᠮ ᠤᠨ | ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠨᠡᠶᠢᠳᠡ 15.8 ᠳ᠋ᠥᠩᠰᠢᠭᠤᠷ ᠲᠥᠬᠦᠷᠢᠭ ᠵᠠᠷᠤᠴᠠᠭᠤᠯᠵᠦ᠂ ᠪᠦᠬᠦ | ᠬᠤᠰᠢᠭᠤᠨ ᠤ ᠵᠠᠰᠠᠵᠦ ᠳᠠᠭᠤᠰᠤᠭᠰᠠᠨ ᠵᠢᠴᠢ ᠵᠠᠰᠠᠵᠦ ᠪᠠᠶᠢᠭ᠎ᠠ ᠳᠡᠮᠦᠷ ᠵᠠᠮ 6 ᠵᠤᠷᠪᠤᠰ ᠲᠤ ᠬᠦᠷᠴᠦ᠂ ᠡᠬᠦᠨ ᠳᠤ | ᠤᠯᠠᠭᠠᠨᠳᠤᠭ ᠠᠴᠠ ᠪᠠᠶᠠᠨᠳᠦᠬᠦᠷᠢᠭ᠂ ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ ᠤᠨ ᠳᠡᠮᠦᠷ ᠵᠠᠮ ᠤᠨ | ᠳᠤᠰᠬᠠᠢ ᠱᠤᠭᠤᠮ᠂ ᠰᠢᠯᠢᠩᠬᠤᠳᠠ ᠠᠴᠠ ᠣᠯᠠᠭᠠᠨᠬᠤᠳᠠ ᠬᠦᠷᠬᠦ ᠲᠡᠮᠦᠷ ᠵᠠᠮ ︵ᠪᠠᠷᠠᠭᠤᠨ ᠦᠵᠦᠮᠦᠴᠢᠨ ᠤ ᠬᠡᠰᠡᠭ | ︶ ᠤᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠵᠦ ᠂ ᠪᠠᠶ᠋ᠬᠠᠭᠤᠯᠠ ᠠᠴᠠ ᠵᠠᠭᠦᠨ ᠬᠠᠳᠠᠪᠴᠢ ᠬᠦᠷᠬᠦ ᠲᠡᠮᠣᠷ ᠵᠠᠮ | ᠤᠨ ᠨᠢᠬᠡᠳᠣᠬᠡᠷ ᠬᠤᠭᠤᠴᠠᠭ᠎ᠠ᠂ ᠪᠠᠶ᠋ᠬᠠᠭᠤᠯᠠ ᠠᠴᠠ ᠹᠦᠰᠢᠨ ᠤ ᠰᠢᠨᠴᠢᠣ ᠬᠦᠷᠬᠦ ᠲᠡᠮᠦᠷ ᠵᠠᠮ᠂ ᠯᠢᠨᠳᠦ᠋ᠩ ᠠᠴᠠ | ᠪᠠᠶᠠᠩᠬᠤᠸᠠ ᠬᠦᠷᠬᠦ ᠳᠡᠮᠦᠷ ᠵᠠᠮ ᠤᠨ ᠪᠦᠳᠦᠬᠡᠨ ᠪᠠᠶᠢᠭᠤᠯᠤᠯᠳᠠ ᠶᠢ ᠶᠠᠭ ᠳᠦᠯᠬᠢᠨ ᠠᠬᠢᠭᠤᠯᠵᠦ ᠪᠠᠶᠢᠨ᠎ᠠ᠃ ᠪᠠᠰᠠ | ᠨᠢᠬᠡᠨ ᠪᠠᠶᠠᠷᠯᠠᠭᠤᠰᠢᠳᠠᠢ ᠤᠴᠢᠷ ᠬᠡᠪᠡᠯ ᠬᠦᠬᠡᠬᠤᠳᠠ ᠠᠴᠠ ᠣᠯᠠᠭᠠᠨᠬᠤᠳᠠ ᠬᠦᠷᠬᠦ ᠠᠶᠠᠨᠴᠢᠳ ᠤᠨ ᠲᠡᠮᠦᠷ ᠵᠠᠮ | ᠨᠡᠪᠳᠡᠷᠡᠭᠰᠡᠨ ᠨᠢ ᠮᠠᠨ ᠤ ᠬᠤᠰᠢᠭᠤᠨ ᠤ ᠬᠠᠷᠢᠶᠠᠨ ᠳᠤᠳᠤᠷ᠎ᠠ ᠠᠶᠠᠨᠴᠢᠳ ᠤᠨ ᠭᠠᠯᠳᠤ ᠳᠡᠷᠬᠡ ᠨᠡᠪᠳᠡᠷᠡᠬᠦ ᠦᠬᠡᠢ | ᠪᠠᠶᠢᠭᠰᠠᠨ ᠳᠡᠤᠬᠡ ᠶᠢ ᠡᠴᠦᠰᠯᠡᠬᠦᠯᠪᠡ᠃ ᠴᠠᠬᠢᠯᠭᠠᠨ ᠲᠣᠣᠷ ᠤᠨ ᠪᠦᠳᠣᠬᠡᠨ ᠪᠠᠶᠢᠭᠤᠯᠣᠯᠳᠠ ᠶᠢᠨ ᠲᠠᠯ᠎ᠠ ᠪᠠᠷ ᠡᠤ | ᠵᠢᠶᠠᠨ ᠹᠠᠩ 220 ᠺᠢᠯᠣᠸᠣᠯᠲ ᠶᠢᠨ ᠬᠦᠴᠦᠳᠡᠯ ᠦᠬᠡᠷᠡᠴᠢᠯᠡᠨ ᠳᠠᠮᠵᠢᠭᠤᠯᠬᠤ ᠢᠨᠵᠧᠨᠧᠷᠢᠩ ᠪᠠ ᠪᠦᠷᠢᠳᠦᠨ᠂ | ᠬᠠᠩᠠᠭᠤᠯᠠ 110 ᠺᠢᠯᠣᠸᠣᠯᠲ ᠶᠢᠨ ᠬᠦᠴᠦᠳᠡᠯ ᠦᠬᠡᠷᠡᠴᠢᠯᠡᠨ ᠳᠠᠮᠵᠢᠭᠤᠯᠬᠤ ᠢᠨᠵᠧᠨᠧᠷᠢᠩ ᠵᠢᠴᠢ ᠪᠠᠶᠠᠩᠭᠤᠤᠯ᠂ | ᠪᠠᠴᠢ ᠶᠢᠨ 35 ᠺᠢᠯᠣᠸᠣᠯᠲ ᠶᠢᠨ ᠬᠦᠴᠦᠳᠡᠯ ᠦᠬᠡᠷᠡᠴᠢᠯᠡᠨ ᠳᠠᠮᠵᠢᠭᠤᠯᠬᠤ ᠢᠨᠵᠧᠨᠧᠷᠢᠩ ᠢ ᠪᠦᠳᠦᠬᠡᠨ | ᠪᠠᠶᠢᠭᠤᠯᠵᠦ᠂ ᠪᠤᠯᠠᠭ 500 ᠺᠢᠯᠣᠸᠣᠯᠲ ᠶᠢᠨ ᠬᠦᠴᠦᠳᠡᠯ ᠦᠬᠡᠷᠡᠴᠢᠯᠡᠨ ᠳᠠᠮᠵᠢᠭᠤᠯᠬᠤ ᠢᠨᠵᠧᠨᠧᠷᠢᠩ ᠢ ᠠᠵᠢᠯ | ᠡᠬᠢᠯᠡᠬᠦᠯᠵᠦ᠂ ᠴᠠᠬᠢᠯᠭᠠᠨ ᠬᠠᠩᠭᠠᠬᠤ ᠪᠠᠳᠤᠯᠠᠭ᠎ᠠ ᠶᠢᠨ ᠴᠢᠳᠠᠪᠤᠷᠢ ᠶᠢ ᠳᠡᠬᠡᠭᠰᠢᠯᠡᠬᠦᠯᠪᠡ᠃ ᠤᠰᠤᠨ ᠠᠰᠢᠭᠯᠠᠯᠳᠠ | ᠶᠢᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠡᠷᠤᠰᠤ ᠬᠡᠷᠡᠭᠯᠡᠬᠦ᠂ ᠤᠰᠤ ᠠᠷᠪᠢᠯᠠᠬᠤ᠂ ᠤᠰᠤ ᠨᠡᠮᠡᠭᠳᠡᠬᠦᠯᠬᠦ | ᠳᠤᠭᠤᠷᠢᠨ ᠳᠤ ᠤᠰᠤᠨ ᠠᠰᠢᠭᠯᠠᠯᠳᠠ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ | ᠴᠢᠩᠭᠠᠳᠬᠠᠪᠠ᠃ ᠮᠠᠯᠵᠢᠬᠤ ᠤᠷᠤᠨ ᠳᠤ ᠰᠢᠨ᠎ᠡ ᠪᠠᠷ 1935 ᠮᠠᠰᠢᠨ ᠬᠤᠳᠳᠤᠭ ᠤᠬᠤᠵᠦ᠂ 11980 ᠬᠦᠮᠦᠨ | ᠂ 33.4 ᠳᠦᠮᠡᠨ ᠳᠤᠯᠤᠭᠠᠢ ᠮᠠᠯ ᠤᠨᠤᠭ᠎ᠠ ᠶᠢᠨ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠪᠡ᠃ | ᠪᠠᠯᠭᠠᠷᠭᠤᠤᠯ ᠤᠨ ᠦᠶᠡᠷ ᠢ ᠰᠡᠷᠬᠡᠶᠢᠯᠡᠬᠦ ᠪᠠᠷᠢᠯᠭ᠎ᠠ ᠶᠢ ᠪᠡᠶᠡᠯᠡᠬᠦᠯᠵᠦ᠂ ᠦᠶᠡᠷ ᠢ ᠰᠡᠷᠬᠡᠶᠢᠯᠡᠬᠦ ᠴᠢᠳᠠᠪᠬᠢ ᠶᠢ | ᠳᠡᠬᠡᠭᠰᠢᠯᠡᠬᠦᠯᠪᠡ᠃ ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ ᠤᠨ ᠪᠦᠳᠦᠬᠡᠨ ᠪᠠᠶᠢᠭᠤᠯᠤᠯᠳᠠ ᠲᠠᠢ | ᠤᠶᠠᠯᠳᠤᠭᠤᠯᠤᠨ᠂ ᠶᠡᠭᠡ ᠵᠢᠷ ᠤᠨ ᠭᠤᠤᠯ ᠤᠰᠤᠨ ᠴᠦᠬᠦᠷᠦᠮ ᠪᠠ ᠭᠤᠷᠤᠬᠠᠨ ᠤᠰᠤᠨ ᠴᠦᠬᠦᠷᠦᠮ ᠤᠨ ᠤᠰᠤ | ᠬᠠᠩᠭᠠᠬᠤ ᠢᠨᠵᠧᠨᠧᠷᠢᠩ ᠢ ᠠᠵᠢᠯ ᠡᠬᠢᠯᠡᠬᠦᠯᠪᠡ᠃ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ | ᠪᠠᠳᠤᠯᠠᠭ᠎ᠠ ᠶᠢᠨ ᠴᠢᠳᠠᠪᠤᠷᠢ ᠶᠢ ᠤᠯᠠᠮ ᠨᠢᠬᠡ ᠠᠯᠬᠤᠮ ᠴᠢᠩᠭᠠᠳᠬᠠᠵᠦ᠂ ︽ᠭᠤᠷᠪᠠᠨ ᠳᠤᠭᠤᠷᠢᠭ ᠬᠤᠶᠠᠷ ᠱᠤᠭᠤᠮ | ︾ ᠵᠢᠴᠢ ᠤᠤᠯ ᠤᠨ ᠤᠷᠬᠢᠭᠳᠠᠭᠰᠠᠨ ᠠᠭᠤᠷᠬᠠᠢ ᠶᠢᠨ ᠳᠤᠭᠤᠷᠢᠭ ᠤᠨ ᠠᠮᠢ ᠠᠬᠤᠢ ᠶᠢ ᠰᠡᠷᠬᠦᠬᠡᠨ ᠴᠡᠭᠴᠡᠯᠡᠬᠦ | ᠠᠵᠢᠯ ᠢᠯᠡᠳᠳᠡ ᠠᠮᠵᠢᠯᠳᠠ ᠤᠯᠵᠦ᠂ ᠡᠬᠢ ᠪᠠᠶᠠᠯᠢᠭ ᠢ ᠡᠷᠴᠢᠮᠵᠢᠬᠦᠯᠦᠨ ᠠᠰᠢᠭᠯᠠᠬᠤ ᠳᠦᠪᠰᠢᠨ ᠢ ᠳᠠᠰᠤᠷᠠᠯᠳᠠ | ᠦᠬᠡᠢ ᠳᠡᠬᠡᠭᠰᠢᠯᠡᠬᠦᠯᠪᠡ᠃ | — ᠬᠤᠲᠠ ᠬᠥᠳᠡᠭᠡ ᠶᠢᠨ ᠨᠢᠭᠡᠳᠦᠯᠲᠠᠢ ᠲᠦᠯᠦᠪᠵᠢᠭᠦᠯᠭᠡ ᠶᠢ ᠤᠯᠠᠮ ᠨᠢᠬᠡ ᠠᠯᠬᠤᠮ ᠬᠦᠨᠵᠡᠬᠡᠶᠢᠷᠡᠬᠦᠯᠪᠡ᠃ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠡ ᠶᠢ ᠢᠳᠡᠪᠬᠢᠳᠡᠢ ᠳᠦᠯᠬᠢᠨ ᠠᠬᠢᠭᠤᠯᠵᠦ᠂ ᠪᠠᠯᠭᠠᠷᠭᠤᠤᠯ ᠪᠠᠯᠭᠠᠰᠤ | ᠪᠠᠷ ᠭᠤᠤᠯᠳᠠᠯᠭ᠎ᠠ ᠪᠤᠯᠭᠠᠨ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ | ᠬᠦᠴᠦᠯᠡᠴᠡ ᠪᠠᠨ ᠨᠡᠮᠡᠭᠳᠡᠬᠦᠯᠦᠨ᠂ ᠳᠠᠪᠤᠨ ᠵᠢᠯ ᠤᠨ ᠳᠤᠷᠰᠢ ᠨᠡᠶᠢᠳᠡ 11.5 ᠳ᠋ᠥᠩᠰᠢᠭᠤᠷ ᠲᠥᠬᠦᠷᠢᠭ | ᠵᠠᠷᠤᠴᠠᠭᠤᠯᠤᠨ᠂ ᠬᠤᠳᠠ ᠪᠠᠯᠭᠠᠰᠤᠨ ᠤ ᠳᠦᠷᠢ ᠳᠦᠷᠬᠦ ᠶᠢ ᠤᠯᠠᠮ ᠨᠢᠬᠡ ᠠᠯᠬᠤᠮ ᠭᠤᠸᠠᠯᠢᠭᠵᠢᠭᠤᠯᠤᠨ᠂ | ᠴᠢᠳᠠᠪᠬᠢ ᠶᠢ ᠨᠢ ᠳᠠᠰᠤᠷᠠᠯᠳᠠ ᠦᠬᠡᠢ ᠳᠡᠬᠦᠯᠳᠡᠷᠵᠢᠬᠦᠯᠵᠦ᠂ ᠤᠷᠤᠰᠢᠨ ᠰᠠᠭᠤᠬᠤ ᠤᠷᠴᠢᠨ ᠳᠤᠭᠤᠷᠢᠨ ᠢ | ᠦᠷᠬᠦᠯᠵᠢᠯᠡᠨ ᠰᠠᠶᠢᠵᠢᠷᠠᠭᠤᠯᠤᠭᠰᠠᠨ ᠠᠴᠠ ᠪᠠᠯᠭᠠᠷᠭᠤᠤᠯ ᠪᠠᠯᠭᠠᠰᠤ ᠨᠢ ︽ᠤᠯᠤᠰ ᠤᠨ ᠡᠷᠡᠬᠦᠯ ᠬᠠᠮᠠᠭᠠᠯᠠᠯ ᠤᠨ | ᠬᠤᠰᠢᠭᠤ ᠰᠢᠶᠠᠨ︾᠂ ︽ᠤᠯᠤᠰ ᠤᠨ ᠲᠡᠰ ᠤᠨ ᠠᠮᠢ ᠠᠬᠤᠢ ᠶᠢᠨ ᠪᠠᠯᠭᠠᠰᠤ︾᠂ ︽ᠥᠪᠡᠷᠳᠡᠬᠡᠨ ᠵᠠᠰᠠᠬᠤ | ᠤᠷᠤᠨ ᠤ ᠴᠡᠴᠡᠷᠯᠢᠭᠳᠦ ᠬᠤᠰᠢᠭᠤ ᠰᠢᠶᠠᠨ︾ ᠵᠡᠷᠬᠡ ᠢᠷᠠᠭᠤ ᠠᠯᠳᠠᠷ ᠢ ᠬᠦᠷᠳᠡᠪᠡ᠃ ︽ᠠᠷᠪᠠ ᠶᠢ ᠪᠦᠷᠬᠦᠬᠦᠯᠬᠦ︾ | ᠢᠨᠵᠧᠨᠧᠷᠢᠩ ᠢᠶᠠᠷ ᠵᠢᠯᠤᠭᠤᠳᠤᠮᠵᠢ ᠪᠤᠯᠭᠠᠵᠤ᠂ ᠮᠠᠯᠵᠢᠬᠤ ᠤᠷᠤᠨ ᠤ ᠤᠷᠤᠰᠢᠨ ᠰᠠᠭᠤᠬᠤ ᠤᠷᠴᠢᠨ ᠳᠤᠭᠤᠷᠢᠨ ᠢ | ᠰᠠᠶᠢᠵᠢᠷᠠᠭᠤᠯᠬᠤ ᠠᠵᠢᠯ ᠢ ᠨᠢᠬᠡᠳᠦᠯᠳᠠᠢ ᠲᠦᠯᠦᠪᠵᠢᠬᠦᠯᠦᠨ ᠰᠠᠶᠢᠳᠤᠷ ᠠᠳᠬᠤᠵᠤ᠂ ᠨᠡᠶᠢᠳᠡ 9.3 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠵᠤ᠂ 79 ᠭᠠᠴᠠᠭᠠᠨ ᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠢ | ᠬᠡᠷᠡᠭᠵᠢᠬᠦᠯᠵᠣ᠂ ᠬᠤᠳᠠ ᠬᠦᠳᠡᠭᠡ ᠶᠢ ᠨᠢᠬᠡ ᠴᠤᠭᠴᠠᠵᠢᠭᠤᠯᠤᠭᠰᠠᠨ ᠬᠦᠭᠵᠢᠯᠳᠡ ᠶᠢ ᠠᠬᠢᠭᠤᠯᠪᠠ᠃ | — ᠦᠭᠡᠷᠡᠴᠢᠯᠡᠯᠲᠡ ᠨᠡᠭᠡᠭᠡᠯᠲᠡ ᠶᠢ ᠬᠦᠨᠵᠡᠬᠡᠶᠢᠷᠡᠬᠦᠯᠪᠡ᠃ ᠦᠭᠡᠷᠡᠴᠢᠯᠡᠯᠲᠡ ᠶᠢ ᠪᠦᠬᠦ ᠲᠠᠯ᠎ᠠ ᠪᠠᠷ | ᠬᠦᠨᠵᠡᠬᠡᠶᠢᠷᠡᠬᠦᠯᠬᠦ ᠠᠵᠢᠯ ᠢ ᠳᠦᠯᠬᠢᠨ ᠠᠬᠢᠭᠤᠯᠵᠦ᠂ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠰᠢ᠂ ᠪᠦᠬᠦ ᠬᠤᠰᠢᠭᠤ ᠪᠠᠷ ᠢᠶᠠᠨ | ᠳᠦᠪ᠂ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ | ᠦᠬᠡᠷᠡᠴᠢᠯᠡᠯᠳᠡ ᠶᠢᠨ ᠰᠢᠢᠳᠪᠤᠷᠢᠳᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠬᠦᠨᠵᠡᠬᠡᠢ ᠳᠤᠤᠱᠯᠠᠭᠤᠯᠤᠨ᠂ ᠪᠦᠬᠦ | ᠬᠤᠰᠢᠭᠤᠨ ᠤ ᠦᠬᠡᠷᠡᠴᠢᠯᠡᠯᠳᠡ ᠬᠦᠭᠵᠢᠯᠳᠡ ᠶᠢᠨ ᠶᠡᠭᠡ ᠲᠠᠯ᠎ᠠ ᠶᠢᠨ ᠳᠤᠭᠤᠷᠢᠨ ᠳᠤ ᠦᠭᠡᠷᠡᠴᠢᠯᠡᠯᠲᠡ ᠶᠢ ᠪᠦᠬᠦ | ᠲᠠᠯ᠎ᠠ ᠪᠠᠷ ᠬᠦᠨᠵᠡᠬᠡᠶᠢᠷᠡᠬᠦᠯᠬᠦ ᠠᠵᠢᠯ ᠢ ᠰᠤᠳᠤᠯᠤᠨ ᠪᠠᠶᠢᠷᠢᠯᠠᠭᠤᠯᠵᠦ᠂ ᠦᠬᠡᠷᠡᠴᠢᠯᠡᠯᠳᠡ ᠶᠢᠨ ᠴᠢᠭᠯᠡᠯᠳᠡ ᠶᠢ | ᠤᠨᠤᠪᠴᠢᠳᠠᠢ ᠡᠵᠡᠮᠰᠢᠵᠦ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠤᠯᠠᠨ ᠳᠦᠮᠡᠨ ᠤ ᠬᠦᠰᠡᠯ | ᠱᠠᠭᠠᠷᠳᠠᠯᠭ᠎ᠠ ᠶᠢ ᠳᠦᠪᠯᠡᠷᠡᠬᠦᠯᠵᠤ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠦᠭᠵᠢᠬᠦᠯᠵᠦ᠂ ᠦᠬᠡᠷᠡᠴᠢᠯᠡᠯᠳᠡ | ᠶᠢᠨ ᠡᠬᠦᠷᠬᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠳᠤᠷᠰᠢᠯᠳᠠ ᠶᠢᠨ ᠴᠢᠭ ᠤᠨ ᠬᠤᠪᠢᠶᠠᠷᠢᠯᠠᠯ ᠢ ᠳᠤᠭᠳᠠᠭᠠᠨ᠂ | ᠳᠦᠷᠦᠯ ᠪᠦᠷᠢ ᠶᠢᠨ ᠦᠬᠡᠷᠡᠴᠢᠯᠡᠯᠳᠡ ᠶᠢᠨ ᠡᠬᠦᠷᠬᠡ ᠶᠢᠨ ᠦᠷ᠎ᠡ ᠪᠦᠳᠦᠬᠡᠯ ᠤᠨ ᠬᠡᠯᠪᠡᠷᠢ᠂ ᠴᠠᠭ ᠬᠤᠭᠤᠴᠠᠭᠠᠨ ᠤ | ᠠᠬᠢᠴᠠ᠂ ᠬᠠᠷᠢᠭᠤᠴᠠᠯᠭ᠎ᠠ ᠶᠢᠨ ᠭᠤᠤᠯ ᠴᠤᠭᠴᠠ ᠶᠢ ᠳᠤᠭᠳᠠᠭᠠᠵᠦ᠂ ᠦᠬᠡᠷᠡᠴᠢᠯᠡᠯᠳᠡ ᠶᠢᠨ ᠠᠵᠢᠯ ᠪᠠ | ᠬᠠᠷᠢᠭᠤᠴᠠᠯᠭ᠎ᠠ ᠶᠢ ᠬᠦᠮᠦᠨ᠂ ᠤᠴᠢᠷ ᠶᠠᠪᠤᠳᠠᠯ ᠳᠤ ᠨᠠᠶᠢᠳᠠᠪᠤᠷᠢᠵᠢᠭᠤᠯᠤᠨ᠂ ᠠᠵᠤ ᠠᠬᠤᠢ᠂ ᠠᠮᠢ ᠠᠬᠤᠢ ᠶᠢᠨ | ᠪᠤᠯᠪᠠᠰᠤᠨ ᠪᠠ ᠨᠡᠶᠢᠬᠡᠮ ᠤᠨ ᠰᠢᠰᠲ᠋ᠧᠮᠵᠢ ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠠᠩᠬᠢᠯᠠᠭ᠎ᠠ ᠶᠢᠨ | ᠭᠤᠭᠴᠤᠭᠠᠨ ᠳᠠᠬᠢ ᠦᠬᠡᠷᠡᠴᠢᠯᠡᠯᠳᠡ ᠶᠢ ᠳᠤᠭᠳᠠᠭᠤᠨ ᠢᠶᠠᠷ ᠠᠬᠢᠭᠤᠯᠪᠠ᠃ | — ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠲᠠᠯ᠎ᠠ ᠨᠣᠳᠤᠭ ᠤᠨ | ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠤᠷᠳᠤ ᠬᠤᠭᠤᠴᠠᠭᠠᠨ ᠤ ᠬᠠᠳᠠᠭᠤᠵᠢᠯᠳᠠᠢ | ᠪᠠᠶᠢᠯᠳᠤᠬᠤ ᠡᠬᠦᠷᠬᠡ ᠪᠤᠯᠭᠠᠵᠦ᠂ ᠲᠠᠯ᠎ᠠ ᠨᠣᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠢᠮ ᠪᠠ | ᠮᠠᠯ ᠪᠡᠯᠴᠢᠬᠡᠷ ᠤᠨ ᠳᠡᠩᠴᠡᠬᠦᠷᠢ ᠶᠢ ᠪᠠᠳᠤᠯᠠᠬᠤ ᠳᠦᠷᠢᠮ ᠢ ᠡᠬᠢᠯᠡᠨ ᠬᠡᠷᠡᠭᠵᠢᠬᠦᠯᠬᠦ ᠶᠢᠨ ᠬᠠᠮᠳᠤ ᠴᠢᠩᠭ᠎ᠠ | ᠨᠠᠶᠢᠳᠠᠪᠤᠷᠢᠵᠢᠭᠤᠯᠵᠦ᠂ ︽ᠪᠡᠬᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ︾ ᠢᠨᠵᠧᠨᠧᠷᠢᠩ ᠢ ᠳᠤᠭᠳᠠᠭᠤᠨ | ᠢᠶᠠᠷ ᠳᠦᠯᠬᠢᠨ ᠠᠬᠢᠭᠤᠯᠤᠭᠰᠠᠨ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠢᠯᠡᠳᠳᠠ | ᠰᠠᠶᠢᠵᠢᠷᠠᠭᠰᠠᠨ ᠪᠠᠶᠢᠨ᠎ᠠ᠃ ᠳᠠᠪᠤᠨ ᠵᠢᠯ ᠤᠨ ᠳᠤᠷᠰᠢ᠂ ᠠᠮᠢ ᠠᠬᠤᠢ ᠶᠢᠨ ᠪᠠᠶᠢᠭᠤᠯᠤᠯᠳᠠ ᠳᠤ ᠨᠡᠶᠢᠳᠡ 7.5 | ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠦ᠂ 92 ᠳᠦᠮᠡᠨ ᠮᠤ᠋ ᠡᠯᠡᠰᠦᠨ ᠤ ᠡᠬᠢ ᠶᠢ ᠵᠠᠰᠠᠵᠦ᠂ 586 | ᠳᠦᠮᠡᠨ ᠮᠤ᠋ ᠭᠠᠵᠠᠷ ᠲᠤ ᠪᠡᠯᠴᠢᠬᠡᠷᠯᠡᠬᠦᠯᠬᠦ ᠶᠢ ᠵᠤᠭᠰᠤᠭᠠᠵᠦ᠂ 2549 ᠲᠦᠮᠡᠨ ᠮᠣ᠋ ᠭᠠᠵᠠᠷ ᠲᠤ ᠮᠠᠯ ᠪᠡᠯᠴᠢᠬᠡᠷ | ᠤᠨ ᠲᠡᠩᠴᠡᠬᠦᠷᠢ ᠶᠢ ᠪᠠᠳᠣᠯᠠᠵᠠᠢ᠃ ᠤᠷᠴᠢᠨ ᠳᠤᠭᠤᠷᠢᠨ ᠢ ᠬᠠᠮᠠᠭᠠᠯᠠᠬᠤ ᠠᠵᠢᠯ ᠤᠨ ᠡᠷᠴᠢᠮ ᠢ ᠢᠯᠡᠳᠳᠡ | ᠴᠢᠩᠭᠠᠷᠠᠭᠤᠯᠵᠦ᠂ ᠳᠡᠬᠡᠷ᠎ᠡ ᠱᠠᠳᠤᠨ ᠠᠴᠠ ᠪᠠᠭᠤᠯᠭᠠᠭᠰᠠᠨ ᠡᠨᠧᠷᠬᠢ ᠠᠷᠪᠢᠯᠠᠵᠦ ᠪᠤᠬᠢᠷᠳᠤᠯ ᠢ ᠪᠠᠭᠠᠰᠬᠠᠬᠤ ᠡᠬᠦᠷᠬᠡ | ᠬᠠᠷᠠᠯᠳᠠ ᠶᠢ ᠪᠦᠬᠦ ᠲᠠᠯ᠎ᠠ ᠪᠠᠷ ᠪᠡᠶᠡᠯᠡᠬᠦᠯᠦᠭᠰᠡᠨ ᠠᠴᠠ ︽ᠦᠵᠡᠰᠬᠦᠯᠡᠩᠳᠤ ᠰᠠᠶᠢᠬᠠᠨ ᠪᠠᠷᠠᠭᠤᠨ ᠦᠵᠦᠮᠦᠴᠢᠨ︾ ᠤ | ᠪᠦᠳᠦᠬᠡᠨ ᠪᠠᠶᠢᠭᠤᠯᠤᠯᠳᠠ ᠪᠤᠳᠠᠳᠤ ᠦᠷ᠎ᠡ ᠪᠦᠳᠦᠮᠵᠢ ᠤᠯᠵᠦ᠂ ᠨᠤᠭᠤᠭᠠᠨᠪᠤᠯᠠᠭ ᠭᠠᠴᠠᠭ᠎ᠠ ᠨᠢ 2015 ᠤᠨ ᠳᠤ | ᠳᠦᠪ ᠤᠨ ᠲᠧᠯᠸᠢᠰ ᠬᠤᠷᠢᠶᠠᠨ ᠤ ︽ᠲᠣᠮᠳᠠᠳᠣ ᠣᠯᠣᠰ ᠤᠨ ᠠᠷᠪᠠᠨ ᠬᠠᠮᠤᠭ ᠭᠤᠶᠣ ᠬᠦᠳᠡᠭᠡ ᠲᠣᠰᠬᠤᠨ︾ ᠤ | ᠴᠤᠯᠠ ᠶᠢ ᠬᠦᠷᠳᠡᠪᠡ᠃ | — ᠠᠷᠠᠳ ᠤᠨ ᠠᠮᠢᠳᠤᠷᠠᠯ ᠤᠨ ᠲᠦᠪᠰᠢᠨ ᠢ ᠢᠯᠡᠳᠲᠡ ᠳᠡᠬᠡᠭᠰᠢᠯᠡᠬᠦᠯᠪᠡ᠃ ᠲᠠᠪᠤᠨ ᠵᠢᠯ ᠤᠨ ᠳᠤᠷᠰᠢ᠂ | ᠠᠷᠠᠳ ᠤᠨ ᠠᠮᠢᠳᠤᠷᠠᠯ ᠪᠠ ᠨᠡᠶᠢᠬᠡᠮ ᠤᠨ ᠠᠵᠢᠯ ᠦᠢᠯᠡᠰ ᠲᠤ ᠨᠡᠶᠢᠳᠡ 58.9 ᠳ᠋ᠦᠩᠰᠢᠭᠤᠷ ᠳᠦᠬᠦᠷᠢᠭ | ᠵᠠᠷᠤᠴᠠᠭᠤᠯᠵᠦ᠂ ᠵᠢᠯ ᠪᠦᠷᠢ ᠳᠤᠮᠳᠠᠴᠢ ᠪᠠᠷ 21.4% ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠶᠢᠨ | ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠬᠤᠪᠢᠶᠠᠷᠢᠯᠠᠵᠦ ᠪᠤᠯᠬᠤᠶᠢᠴᠠ ᠣᠷᠤᠯᠭ᠎ᠠ ᠵᠢᠯ ᠪᠦᠷᠢ | ᠳᠤᠮᠳᠠᠴᠢ ᠪᠠᠷ 12.5% ᠪᠠᠷ ᠨᠡᠮᠡᠭᠳᠡᠨ᠂ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ | ᠪᠦᠷᠢ ᠶᠢᠨ ᠳᠤᠮᠳᠠᠴᠢ ᠬᠤᠪᠢᠶᠠᠷᠢᠯᠠᠵᠦ ᠪᠤᠯᠬᠤᠶᠢᠴᠠ ᠣᠷᠤᠯᠭ᠎ᠠ ᠵᠢᠯ ᠪᠦᠷᠢ ᠳᠤᠮᠳᠠᠴᠢ ᠪᠠᠷ 14.4% ᠪᠠᠷ | ᠨᠡᠮᠡᠭᠳᠡᠪᠡ᠃ ᠨᠡᠶᠢᠬᠡᠮ ᠤᠨ ᠪᠠᠳᠤᠯᠠᠭ᠎ᠠ ᠶᠢᠨ ᠳᠦᠷᠢᠮ ᠢ ᠬᠤᠳᠠ ᠬᠦᠳᠡᠭᠡ ᠳᠤ ᠪᠦᠬᠦᠨ ᠢ ᠪᠦᠷᠬᠦᠬᠦᠯᠵᠦ᠂ | ᠪᠠᠳᠤᠯᠠᠭ᠎ᠠ ᠶᠢᠨ ᠪᠠᠷᠢᠮᠵᠢᠶ᠎ᠠ ᠨᠢ ᠪᠦᠬᠦ ᠠᠶᠢᠮᠠᠭ᠂ ᠪᠦᠬᠦ ᠤᠷᠤᠨ ᠤ ᠳᠤᠮᠳᠠᠴᠢ ᠬᠢᠷᠢ ᠳᠦᠪᠰᠢᠨ ᠠᠴᠠ ᠦᠨᠳᠦᠷ | ᠪᠤᠯᠪᠠ᠃ ᠶᠠᠳᠠᠭᠤ ᠶᠢ ᠳᠡᠳᠬᠦᠵᠦ ᠨᠡᠬᠡᠬᠡᠨ ᠬᠦᠭᠵᠢᠬᠦᠯᠬᠦ᠂ ᠠᠷᠠᠳ ᠤᠨ ᠠᠮᠤᠭᠤᠯᠠᠩ ᠤᠷᠤᠨ ᠰᠠᠭᠤᠴᠠ ᠪᠠ | ᠦᠢᠯᠡᠰ ᠪᠤᠰᠬᠠᠨ ᠠᠵᠢᠯ ᠤᠯᠭᠤᠬᠤ ᠢᠨᠵᠧᠨᠧᠷᠢᠩ ᠢ ᠬᠡᠷᠡᠭᠵᠢᠬᠦᠯᠵᠦ᠂ 2364 ᠬᠦᠮᠦᠨ ᠢ ᠶᠠᠳᠠᠭᠤ ᠠᠴᠠ | ᠠᠩᠬᠢᠵᠢᠷᠠᠭᠤᠯᠤᠨ᠂ 1760 ᠡᠷᠦᠬᠡ ᠮᠠᠯᠵᠢᠬᠤ ᠤᠷᠤᠨ ᠤ ᠶᠠᠳᠠᠭᠤ ᠬᠦᠴᠢᠷᠳᠡᠯᠳᠡᠢ ᠬᠡᠷ ᠪᠦᠯᠢ ᠶᠢᠨ ᠤᠷᠤᠨ | ᠰᠠᠭᠤᠴᠠ ᠶᠢᠨ ᠨᠦᠬᠦᠴᠡᠯ ᠢ ᠰᠠᠶᠢᠵᠢᠷᠠᠭᠤᠯᠵᠦ᠂ ᠨᠡᠶᠢᠳᠡ 30327 ᠠᠵᠢᠯ ᠤᠨ ᠪᠠᠶᠢᠷᠢ ᠴᠤᠭᠯᠠᠭᠤᠯᠤᠨ᠂ | 8445 ᠨᠡᠷ᠎ᠡ ᠬᠤᠳᠠ ᠪᠠᠯᠭᠠᠰᠤᠨ ᠤ ᠡᠯ᠎ᠡ ᠳᠦᠷᠦᠯ ᠤᠨ ᠬᠦᠮᠦᠰ ᠪᠠ 4163 ᠨᠡᠷ᠎ᠡ ᠬᠤᠳᠠ ᠤᠷᠤᠭᠰᠨᠨ | ᠮᠠᠯᠴᠢᠳ ᠲᠤ ᠠᠵᠢᠯ ᠤᠨ ᠪᠠᠶᠢᠷᠢ ᠬᠠᠩᠭᠠᠨ᠂ ᠬᠤᠳᠠ ᠪᠠᠯᠭᠠᠰᠤᠨ ᠤ ᠠᠵᠢᠯ ᠠᠯᠳᠠᠯᠳᠠ ᠶᠢᠨ ᠨᠤᠷᠮ᠎ᠠ ᠶᠢ 3. | 5% ᠳᠤᠳᠤᠷ᠎ᠠ ᠬᠢᠵᠠᠭᠠᠷᠯᠠᠵᠠᠢ᠃ | — ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠠᠬᠢᠭᠤᠯᠪᠠ ᠃ ᠠᠯᠪᠠᠨ ᠵᠢᠷᠤᠮ ᠤᠨ ᠰᠤᠷᠭᠠᠨ | ᠬᠦᠮᠦᠵᠢᠯ ᠢ ᠪᠠᠳᠤᠳᠬᠠᠨ ᠳᠡᠬᠡᠭᠰᠢᠯᠡᠬᠦᠯᠵᠦ᠂ ᠤᠯᠤᠰ ᠤᠨ ᠬᠢᠨᠠᠨ ᠰᠢᠯᠭᠠᠯᠳᠠ ᠶᠢ ᠠᠮᠵᠢᠯᠳᠠᠳᠠᠢ ᠦᠩᠬᠡᠷᠡᠬᠡᠨ᠂ | ᠪᠦᠬᠦ ᠠᠶᠢᠮᠠᠭ ᠤᠨ ᠠᠩᠬᠠᠳᠠᠭᠴᠢ ᠪᠦᠯᠦᠭ ︽ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠳᠡᠩᠴᠡᠬᠦᠷᠢᠳᠡᠢ ᠬᠦᠭᠵᠢᠯᠳᠡ ᠶᠢᠨ ᠬᠤᠰᠢᠭᠤ ︵ᠰᠢᠶᠠᠨ︶︾ ᠤ ᠡᠩᠨᠡᠬᠡᠨ ᠳᠤ ᠵᠢᠭᠰᠠᠭᠠᠭᠳᠠᠭᠰᠠᠨ ᠪᠠᠶᠢᠨ᠎ᠠ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠦᠭᠵᠢᠯᠳᠡ ᠶᠢ ᠳᠦᠷᠬᠡᠳᠬᠡᠵᠦ᠂ ᠪᠠᠷᠠᠭᠤᠨ | ᠦᠵᠦᠮᠦᠴᠢᠨ ᠬᠤᠰᠢᠭᠤᠨ ᠤ ᠬᠡᠤᠬᠡᠳ ᠤᠨ ᠴᠡᠴᠡᠷᠯᠢᠭ᠂ ᠪᠠᠯᠭᠠᠷ ᠬᠡᠤᠬᠡᠳ ᠤᠨ ᠴᠡᠴᠡᠷᠯᠢᠭ᠂ ᠪᠠᠶᠠᠩᠬᠤᠸᠠ | ᠪᠠᠯᠭᠠᠰᠤᠨ ᠤ ᠬᠡᠤᠬᠡᠳ ᠤᠨ ᠴᠡᠴᠡᠷᠯᠢᠭ ᠪᠠ ᠭᠤᠷᠤᠬᠠᠨ ᠪᠠᠯᠭᠠᠰᠤᠨ ᠤ ᠬᠡᠤᠬᠡᠳ ᠤᠨ ᠴᠡᠴᠡᠷᠯᠢᠭ ᠢ ᠦᠨᠳᠦᠷ | ᠪᠠᠷᠢᠮᠵᠢᠶ᠎ᠠ ᠪᠠᠷ ᠰᠢᠨ᠎ᠡ ᠪᠠᠷ ᠪᠠᠶᠢᠭᠤᠯᠵᠦ᠂ ︽ᠴᠡᠴᠡᠷᠯᠢᠭ ᠲᠤ ᠤᠷᠤᠬᠤ ᠳᠤ ᠬᠦᠴᠢᠷ︾ ᠠᠰᠠᠭᠤᠳᠠᠯ ᠢ ᠵᠤᠬᠢᠰᠳᠠᠢ | ᠨᠠᠮᠳᠠᠭᠠᠪᠠ᠃ ︽ᠠᠷᠪᠠᠨ ᠳᠠᠪᠤᠨ ᠵᠢᠯ︾ ᠤᠨ ᠰᠦᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠤᠨ ᠳᠦᠷᠦ | ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ 39438 ᠰᠤᠷᠤᠭᠴᠢ ᠤᠳᠠᠭ᠎ᠠ ᠳᠤ ᠠᠰᠢᠭ | ᠬᠦᠷᠳᠡᠬᠡᠪᠡ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠳᠠ ᠴᠢᠬᠤᠯᠠ ᠠᠯᠬᠤᠮ ᠢ | ᠪᠡᠶᠡᠯᠡᠬᠦᠯᠵᠦ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠠᠬᠢᠭᠤᠯᠤᠨ᠂ | ᠡᠪᠡᠳᠴᠢᠨ ᠡᠮᠨᠡᠭᠦᠯᠬᠦ ᠳᠤ ᠬᠦᠴᠢᠷᠲᠠᠢ ᠮᠦᠷᠳᠡᠬᠡᠨ ᠦᠨ᠎ᠠ ᠲᠠᠢ ᠪᠠᠶᠢᠬᠤ ᠠᠰᠠᠭᠤᠳᠠᠯ ᠢ ᠵᠤᠬᠢᠰᠳᠡᠢ ᠨᠠᠮᠳᠠᠭᠤᠯᠤᠭᠰᠠᠨ | ᠠᠴᠠ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠠ ᠪᠣᠯᠣᠨ ᠮᠣᠩᠭᠤᠯ ᠡᠮᠨᠡᠯᠬᠡ ᠶᠢᠨ ᠬᠤᠷᠢᠶ᠎ᠠ ᠨᠢ ᠤᠯᠤᠰ ᠤᠨ | ᠬᠤᠶᠠᠳᠤᠭᠠᠷ ᠵᠡᠷᠬᠡ ᠶᠢᠨ ᠬᠦᠬᠡ ᠳᠡᠰ ᠤᠨ ᠡᠮᠨᠡᠯᠬᠡ ᠶᠢᠨ ᠬᠤᠷᠢᠶ᠎ᠠ ᠶᠢᠨ ᠬᠢᠨᠠᠨ ᠰᠢᠯᠭᠠᠯᠳᠠ ᠶᠢ ᠠᠮᠵᠢᠯᠳᠠᠳᠠᠢ | ᠦᠩᠬᠡᠷᠡᠬᠡᠵᠦ᠂ ᠡᠷᠡᠬᠦᠯ ᠬᠡᠣᠬᠡᠳ ᠲᠦᠷᠦᠵᠦ ᠰᠢᠯᠢᠳᠡᠭ ᠬᠦᠮᠦᠵᠢᠯ ᠬᠦᠷᠳᠡᠬᠡᠬᠦ ᠬᠢᠷᠢ ᠬᠡᠮᠵᠢᠶ᠎ᠡ ᠶᠢ ᠴᠦ ᠲᠠᠰᠤᠷᠠᠯᠲᠠ | ᠦᠭᠡᠢ ᠳᠡᠬᠡᠭᠰᠢᠯᠡᠬᠦᠯᠪᠡ᠃ ᠦᠨᠳᠦᠰᠦᠳᠡᠨ ᠤ ᠰᠤᠶᠤᠯ ᠢ ᠠᠭᠤᠳᠠᠯᠯᠠᠨ ᠪᠠᠳᠠᠷᠠᠭᠤᠯᠵᠦ᠂ ᠰᠤᠶᠤᠯ ᠤᠨ ᠠᠵᠤ | ᠦᠢᠯᠡᠰ ᠢ ᠦᠷᠨᠢᠬᠦᠨ ᠬᠦᠭᠵᠢᠬᠦᠯᠪᠡ᠃ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ | ᠦᠨᠳᠦᠰᠦᠲᠡᠨ ᠨᠦᠭᠦᠳ ᠤᠨ ᠪᠦᠯᠬᠦᠮᠳᠡᠯ ᠨᠢᠭᠳᠠᠷᠠᠯ ᠤᠨ ᠤᠬᠢ ᠰᠠᠶᠢᠨ ᠪᠠᠶᠢᠳᠠᠯ ᠢ ᠤᠯᠠᠮ ᠨᠢᠭᠡ ᠠᠯᠬᠤᠮ | ᠪᠠᠳᠤᠳᠬᠠᠪᠠ᠃ ᠡᠬᠦᠨ ᠤ ᠳᠠᠭᠠᠤ ᠭᠠᠵᠠᠷ ᠬᠦᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠤᠬᠡ ᠣᠶᠢᠯᠠᠯᠭ᠎ᠠ᠂ | ᠭᠠᠳᠠᠭᠠᠳᠤ ᠶᠠᠪᠤᠳᠠᠯ᠂ ᠭᠠᠳᠠᠭᠠᠳᠤ ᠳᠤ ᠰᠠᠭᠤᠭᠴᠢᠳ ᠤᠨ ᠶᠠᠪᠤᠳᠠᠯ ᠪᠣᠯᠤᠨ ᠡᠮᠡᠭᠲᠡᠶᠢᠴᠦᠳ ᠬᠡᠤᠬᠡᠳ᠂ | ᠨᠠᠰᠤᠳᠠᠶᠢᠴᠤᠳ᠂ ᠵᠡᠮᠳᠡᠭᠴᠦᠳ ᠤᠨ ᠠᠵᠢᠯ ᠴᠦᠮ ᠰᠢᠨ᠎ᠡ ᠠᠬᠢᠴᠠ ᠲᠠᠢ ᠪᠣᠯᠪᠠ᠃ | — ᠠᠮᠤᠷ ᠠᠮᠤᠭᠤᠯᠠᠩ ᠪᠠᠷᠠᠭᠤᠨ ᠦᠵᠦᠮᠦᠴᠢᠨ ᠤ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠡ᠃ | ᠬᠠᠤᠯᠢ ᠢᠶᠠᠷ ᠤᠯᠤᠰ ᠢᠶᠠᠨ ᠵᠠᠰᠠᠬᠤ ᠳᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠵᠦ᠂ ᠬᠠᠣᠯᠢ ᠶᠢ | ᠴᠢᠩᠭ᠎ᠠ ᠬᠡᠷᠡᠭᠵᠢᠭᠦᠯᠬᠦ᠂ ᠬᠠᠣᠯᠢ ᠴᠠᠭᠠᠵᠠ ᠶᠢ ᠲᠥᠪ ᠭᠤᠣᠯᠴᠢ ᠪᠠᠷ ᠬᠡᠷᠡᠭᠵᠢᠭᠦᠯᠭᠦ᠂ ᠪᠦᠬᠦ ᠠᠷᠠᠳ ᠢᠶᠠᠷ ᠢᠶᠠᠨ | ᠬᠠᠤᠯᠢ ᠶᠢ ᠵᠢᠷᠤᠮᠯᠠᠬᠤ ᠶᠢ ᠴᠢᠩᠭᠠᠳᠬᠠᠪᠠ᠃ ᠠᠮᠤᠷ ᠠᠮᠤᠭᠤᠯᠠᠩ ᠢ ᠡᠭᠦᠳᠤᠨ ᠪᠠᠶᠢᠭᠤᠯᠬᠤ ᠢᠨᠵᠧᠨᠧᠷᠢᠩ ᠢ | ᠬᠦᠴᠦᠲᠠᠢ ᠬᠡᠷᠡᠭᠵᠢᠭᠦᠯᠦᠨ᠂ ᠨᠡᠶᠢᠭᠡᠮ ᠤᠨ ᠵᠦᠷᠢᠴᠡᠯ ᠢ ᠨᠠᠮᠳᠠᠭᠤᠯᠬᠤ ᠵᠤᠬᠢᠴᠠᠮᠵᠢ ᠲᠠᠰᠤᠷᠠᠯᠲᠠ ᠦᠭᠡᠢ ᠪᠦᠷᠢᠨᠰᠢᠵᠦ | ᠂ ᠨᠡᠶᠢᠭᠡᠮ ᠤᠨ ᠵᠠᠰᠠᠯᠲᠠ ᠶᠢᠨ ᠭ᠊ ᠵᠷᠢ ᠬᠡᠮᠵᠢᠶ᠎ᠡ ᠯᠠᠪᠳᠠᠭᠤᠨ ᠢᠶᠠᠷ ᠳᠡᠭᠡᠭᠰᠢᠯᠡᠪᠡ᠃ ᠡᠯ᠎ᠡ ᠵᠦᠢᠯ ᠤᠨ ᠬᠠᠤᠯᠢ ᠠᠴᠠ | ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠤᠯᠠᠨ ᠳᠦᠮᠡᠨ ᠤ ᠠᠰᠢᠭ ᠳᠤᠰᠠ ᠶᠢ | ᠦᠨᠡᠨᠬᠦ ᠬᠠᠮᠠᠭᠠᠯᠠᠵᠠᠢ᠃ ᠵᠠᠬᠢᠳᠠᠯ ᠰᠤᠷᠪᠤᠯᠵᠢᠯᠠᠭ᠎ᠠ ᠶᠢᠨ ᠬᠤᠷᠠᠮᠳᠤᠭᠰᠠᠨ ᠬᠡᠷᠡᠭ ᠵᠠᠷᠭᠤ ᠶᠢ ᠳᠤᠬᠢᠳᠠᠢ ᠡᠶᠡᠳᠡᠬᠦᠯᠵᠦ | ᠂ ᠨᠢᠬᠡ ᠪᠦᠯᠦᠭ ᠳᠡᠤᠬᠡᠨ ᠦᠯᠡᠳᠡᠭᠳᠡᠯ ᠠᠰᠠᠭᠤᠳᠠᠯ ᠢ ᠪᠦᠳᠦᠮᠵᠢᠳᠡᠢ ᠰᠢᠢᠳᠪᠤᠷᠢᠯᠡᠪᠡ᠃ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠠᠵᠢᠯ ᠢ ᠴᠢᠩᠭᠠᠳᠬᠠᠪᠠ᠃ ᠠᠷᠠᠳ ᠤᠨ | ᠠᠭᠠᠷ ᠤᠨ ᠰᠡᠷᠭᠡᠶᠢᠯᠡᠯᠲᠡ ᠪᠠ ᠴᠡᠷᠢᠭ ᠢᠶᠠᠨ ᠬᠦᠷᠢᠶᠡᠯᠡᠵᠦ᠂ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ | ᠬᠢᠨᠠᠮᠠᠭᠠᠢ ᠰᠠᠶᠢᠲᠤᠷ ᠬᠢᠵᠤ᠂ ᠴᠡᠷᠢᠭ ᠠᠷᠠᠳ ᠤᠨ ᠠᠭᠤᠰᠤᠯᠴᠠᠨ ᠬᠦᠭᠵᠢᠬᠦ ᠶᠢ ᠠᠬᠢᠭᠤᠯᠤᠭᠰᠠᠨ ᠠᠴᠠ ᠮᠠᠨ ᠤ | ᠬᠤᠰᠢᠭᠤ ᠨᠢ ᠦᠪᠡᠷᠳᠡᠬᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ︵ ᠰᠢᠶᠠᠨ︶︾ | ᠤ ᠬᠢᠨᠠᠨ ᠰᠢᠯᠭᠠᠯᠳᠠ ᠶᠢ ᠠᠮᠵᠢᠯᠳᠠᠳᠠᠢ ᠦᠩᠬᠡᠷᠡᠬᠦᠯᠵᠦ᠂ ᠡᠬᠡ ᠣᠯᠣᠰ ᠤᠨ ᠤᠮᠠᠷᠠᠳᠤ ᠬᠢᠯᠢ ᠶᠢᠨ ᠠᠮᠤᠷ ᠲᠦᠪᠰᠢᠨ | ᠲᠤᠭᠲᠠᠭᠤᠨ ᠤ ᠬᠠᠯᠬᠠᠪᠴᠢ ᠶᠢ ᠤᠯᠠᠮ ᠨᠢᠬᠡ ᠠᠯᠬᠤᠮ ᠪᠠᠳᠤᠳᠬᠠᠪᠠ᠃ | — ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠬᠠᠪᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠤᠯᠤᠰ | ᠲᠥᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠦ ᠶᠢᠨ ᠶᠣᠰᠤ ᠳᠦᠷᠢᠮ ᠢ ᠴᠢᠩᠭ᠎ᠠ ᠰᠠᠬᠢᠵᠤ᠂ ᠲᠥᠪ | ᠬᠤᠷᠢᠶ᠎ᠠ ᠶᠢᠨ ᠨᠡᠢᠮᠠᠨ ᠵᠦᠢᠯ ᠤᠨ ᠲᠣᠭᠲᠠᠭᠠᠯ ᠪᠣᠯᠤᠨ ᠦᠪᠡᠷᠳᠡᠭᠡᠨ ᠵᠠᠰᠠᠬᠤ ᠣᠷᠤᠨ ᠂ ᠠᠶᠢᠮᠠᠭ ᠤᠨ ᠬᠠᠮᠢᠶᠠᠳᠠᠢ | ᠲᠣᠭᠲᠠᠭᠠᠯ ᠢ ᠴᠢᠩᠭ᠎ᠠ ᠬᠡᠷᠡᠭᠵᠢᠭᠦᠯᠤᠨ᠂ ᠨᠠᠮ ᠤᠨ ᠣᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ | ᠠᠵᠢᠯᠯᠠᠭ᠎ᠠ ᠪᠣᠯᠤᠨ ︽ᠭᠤᠷᠪᠠᠨ ᠴᠢᠩᠭ᠎ᠠ ᠭᠤᠷᠪᠠᠨ ᠪᠣᠳᠠᠲᠠᠢ︾ ᠲᠤᠰᠬᠠᠢ ᠰᠡᠳᠦᠪᠳᠤ ᠬᠦᠮᠦᠵᠢᠯ ᠢ ᠭᠦᠨᠵᠡᠭᠡᠢ | ᠦᠷᠨᠢᠭᠦᠯᠵᠦ᠂ ᠵᠠᠰᠠᠭ ᠵᠠᠬᠢᠷᠭᠠᠨ ᠤ ᠬᠡᠪ ᠰᠤᠷᠲᠠᠯ ᠢᠯᠡᠳᠲᠡ ᠰᠠᠶᠢᠵᠢᠷᠠᠵᠠᠢ᠃ ᠨᠠᠮ ᠤᠨ ᠰᠤᠷᠲᠠᠯ᠂ ᠠᠷᠢᠭᠤᠨ | ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠷᠢᠭᠤᠨ ᠴᠢᠭᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠤᠬᠢᠴᠠᠮᠵᠢ ᠶᠢᠨ ᠪᠠᠶᠢᠭᠤᠯᠤᠯᠲᠠ ᠶᠢ | ᠴᠢᠩᠭᠠᠳᠬᠠᠪᠠ᠃ ᠵᠠᠰᠠᠭ ᠢ ᠴᠣᠮᠬᠠᠳᠬᠠᠨ ᠡᠷᠬᠡ ᠪᠠᠨ ᠪᠠᠭᠤᠯᠭᠠᠬᠤ ᠶᠢ ᠬᠦᠴᠦᠳᠡᠢ ᠠᠳᠬᠤᠵᠤ᠂ ᠬᠤᠰᠢᠭᠤ ᠱᠠᠳᠤᠨ | ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠪᠣᠯᠣᠨ ᠵᠠᠰᠠᠭ ᠵᠠᠬᠢᠷᠭᠠᠨ ᠤ ᠡᠷᠬᠡ ᠶᠢ ᠪᠦᠳᠦᠮᠵᠢᠳᠡᠢ | ᠴᠤᠮᠬᠠᠳᠬᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠬᠤᠰᠢᠭᠤ ᠱᠠᠳᠤᠨ ᠤ ︽ᠭᠤᠷᠪᠠᠨ | ᠠᠯᠪᠠᠨ ᠵᠠᠷᠤᠳᠠᠯ︾ ᠢ ᠪᠦᠳᠦᠮᠵᠢᠳᠡᠢ ᠪᠠᠭᠠᠰᠬᠠᠵᠦ᠂ 2013 ᠤᠨ ᠠᠴᠠ ᠡᠬᠢᠯᠡᠨ ᠵᠢᠯ ᠪᠦᠷᠢ ᠳᠤᠮᠳᠠᠴᠢ ᠪᠠᠷ | 8% ᠪᠠᠷ ᠪᠠᠭᠤᠷᠠᠭᠤᠯᠪᠠ᠃ ᠠᠷᠠᠳ ᠤᠨ ᠲᠦᠯᠦᠭᠡᠯᠡᠭᠴᠢᠳ ᠵᠢᠴᠢ ᠳᠡᠬᠦᠨ ᠤ ᠪᠠᠶᠢᠩᠭᠤ ᠶᠢᠨ ᠬᠤᠷᠢᠶ᠎ᠠ ᠶᠢᠨ | ᠬᠠᠤᠯᠢ ᠶᠣᠰᠤᠭᠠᠷ ᠬᠢᠨᠠᠯᠲᠠ ᠲᠠᠯᠪᠢᠬᠤ ᠪᠠ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠠᠨ ᠠᠪᠴᠤ᠂ ᠡᠶ᠎ᠡ ᠵᠤᠬᠢᠴᠠᠯᠳᠤ ᠳᠤᠭᠳᠠᠩᠭᠤᠢ ᠪᠠᠶᠢᠳᠠᠯ ᠢ ᠤᠯᠠᠮ ᠨᠢᠬᠡ | ᠠᠯᠬᠤᠮ ᠪᠠᠬᠢᠵᠢᠬᠦᠯᠦᠭᠰᠡᠨ ᠪᠠᠶᠢᠨ᠎ᠠ᠃ | ᠲᠥᠯᠥᠭᠡᠯᠡᠭᠴᠢᠳ ᠡ᠂ ᠥᠩᠭᠡᠷᠡᠨ ᠣᠳᠣᠭᠰᠠᠨ 2015 ᠣᠨ ᠳᠤ᠂ ᠪᠢᠳᠡ ᠪᠦᠬᠦ ᠬᠤᠰᠢᠭᠤᠨ ᠤ ᠠᠷᠪᠠᠨ | ᠲᠦᠷᠪᠡᠳᠣᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ | ᠬᠤᠷᠠᠯᠳᠣᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠪᠠᠨ ᠠᠮᠵᠢᠯᠲᠠ ᠲᠠᠢ ᠪᠠᠷ ᠪᠡᠶᠡᠯᠡᠭᠦᠯᠵᠤ᠂ ᠠᠵᠤ | ᠠᠬᠤᠢ ᠶᠢᠨ ᠶᠡᠷᠤᠩᠬᠡᠢ ᠬᠡᠮᠵᠢᠶ᠎ᠡ ᠪᠡ ᠬᠤᠷᠳᠤᠴᠠ ᠪᠠᠷ ᠢᠶᠠᠨ ᠪᠦᠬᠦ ᠠᠶᠢᠮᠠᠭ ᠤᠨ ᠲᠡᠷᠢᠬᠦᠨ ᠤ ᠡᠩᠨᠡᠬᠡᠨ ᠳᠤ | ᠤᠷᠤᠪᠠ᠃ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠤᠷᠢᠯᠡᠯ ᠤᠨ ᠶᠡᠷᠤᠩᠬᠡᠢ ᠦᠷᠳᠡᠭ 115.3 | ᠳ᠋ᠦᠩᠰᠢᠭᠤᠷ ᠲᠦᠬᠦᠷᠢᠭ ᠲᠤ ᠬᠦᠷᠴᠣ᠂ 12.5 % ᠪᠠᠷ ᠨᠡᠮᠡᠭᠳᠡᠨ᠂ ᠶᠡᠷᠤᠩᠬᠡᠢ ᠬᠡᠮᠵᠢᠶ᠎ᠡ ᠪᠠᠷ ᠢᠶᠠᠨ ᠪᠦᠬᠦ | ᠠᠶᠢᠮᠠᠭ ᠤᠨ ᠬᠤᠶᠠᠳᠤᠭᠠᠷ ᠲᠤ ᠵᠢᠭᠰᠠᠭᠠᠭᠳᠠᠨ᠂ ᠦᠰᠦᠯᠳᠡ ᠶᠢᠨ ᠬᠤᠷᠳᠤᠴᠠ ᠪᠠᠷ ᠢᠶᠠᠨ ᠪᠦᠬᠦ ᠠᠶᠢᠮᠠᠭ ᠲᠤ | ᠲᠡᠷᠢᠬᠦᠯᠡᠭᠰᠡᠨ ᠪᠠᠶᠢᠨ᠎ᠠ᠃ ᠪᠦᠬᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠠᠯᠡ ᠤᠷᠤᠭᠤᠯᠤᠯᠳᠠ 83 | ᠳ᠋ᠥᠩᠰᠢᠭᠤᠷ ᠲᠥᠬᠦᠷᠢᠭ ᠢ ᠪᠡᠶᠡᠯᠡᠭᠦᠯᠵᠤ᠂ 16.6% ᠪᠠᠷ ᠨᠡᠮᠡᠭᠳᠡᠨ᠂ ᠶᠡᠷᠤᠩᠬᠡᠢ ᠬᠡᠮᠵᠢᠶ᠎ᠡ ᠪᠠᠷ ᠢᠶᠠᠨ ᠪᠦᠬᠦ | ᠠᠶᠢᠮᠠᠭ ᠲᠤ ᠬᠤᠶᠠᠳᠤᠭᠠᠷ ᠲᠤ ᠵᠢᠭᠰᠠᠭᠠᠭᠳᠠᠨ᠂ ᠦᠰᠦᠯᠳᠡ ᠶᠢᠨ ᠬᠤᠷᠳᠤᠴᠠ ᠨᠢ ᠠᠷᠪᠠᠨ ᠬᠤᠶᠠᠳᠤᠭᠠᠷ ᠲᠤ | ᠪᠠᠶᠢᠷᠢᠯᠠᠵᠦ ᠪᠠᠶᠢᠭᠰᠠᠨ ᠠᠴᠠ ᠪᠠᠨ ᠳᠦᠷᠪᠡᠳᠦᠬᠡᠷ ᠪᠠᠶᠢᠷᠢ ᠳᠤ ᠤᠷᠤᠭᠰᠠᠨ ᠪᠠᠶᠢᠨ᠎ᠠ᠃ ᠭᠠᠵᠠᠷ ᠤᠷᠤᠨ ᠤ ᠡᠳ᠋ ᠤᠨ | ᠵᠠᠰᠠᠭ ᠤᠨ ᠶᠡᠷᠦᠩᠬᠡᠢ ᠤᠷᠤᠯᠭ᠎ᠠ 31.96 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ 5.9% ᠪᠠᠷ ᠨᠡᠮᠡᠭᠳᠡᠵᠦ᠂ | ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ ᠬᠤᠶᠠᠳᠤᠭᠠᠷ ᠲᠤ ᠵᠢᠭᠰᠠᠭᠠᠭᠳᠠᠨ᠂ ᠨᠡᠮᠡᠭᠳᠡᠯ ᠬᠤᠷᠳᠤᠴᠠ ᠪᠠᠷ | ᠢᠶᠠᠨ ᠪᠦᠬᠦ ᠠᠶᠢᠮᠠᠭ ᠲᠤ ᠳᠡᠷᠢᠬᠦᠯᠡᠵᠦ᠂ ᠠᠷᠪᠠᠨ ᠨᠡᠷ᠎ᠡ ᠤᠷᠤᠭᠰᠢᠯᠠᠭᠰᠠᠨ ᠪᠠᠶᠢᠨ᠎ᠠ᠃ ᠡᠬᠦᠨ ᠳᠤ ᠤᠯᠠᠨ ᠨᠡᠶᠢᠳᠡ | ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 18.97 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ 7. | 5% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ ᠬᠤᠶᠠᠳᠤᠭᠠᠷ᠂ ᠪᠦᠬᠦ ᠣᠷᠣᠨ ᠳᠤ | ᠠᠷᠪᠠᠨ ᠲᠤᠯᠤᠳᠤᠭᠠᠷ ᠲᠤ ᠪᠠᠶᠢᠷᠢᠯᠠᠵᠦ᠂ ᠲᠡᠬᠡᠷ᠎ᠡ ᠵᠢᠯ ᠠᠴᠠ ᠪᠠᠨ ᠤᠷᠤᠭᠰᠢ ᠨᠢᠬᠡ ᠪᠠᠶᠢᠷᠢ ᠳᠠᠪᠰᠢᠭᠰᠠᠨ ᠪᠠᠶᠢᠨ᠎ᠠ᠃ | ᠪᠦᠬᠦ ᠬᠤᠰᠢᠭᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠤᠷᠤᠯᠭ᠎ᠠ 25226 | ᠲᠦᠬᠦᠷᠢᠭ ᠲᠤ ᠬᠦᠷᠴᠣ᠂ 8.5% ᠪᠠᠷ ᠨᠡᠮᠡᠭᠳᠡᠵᠤ᠂ ᠶᠡᠷᠣᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ | ᠲᠠᠪᠣᠳᠣᠭᠠᠡᠷ ᠲᠤ ᠵᠢᠭᠰᠭᠠᠭᠳᠠᠵᠦ᠂ ᠨᠡᠮᠡᠭᠳᠡᠯ ᠤᠨ ᠬᠤᠷᠳᠣᠴᠡ ᠪᠠᠷ ᠢᠶᠠᠨ ᠭᠤᠷᠪᠠᠳᠤᠭᠠᠷ ᠲᠤ ᠤᠷᠤᠪᠠ︔ ᠬᠤᠳᠠ | ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠤᠷᠤᠯᠭ᠎ᠠ 30910 | ᠲᠦᠬᠦᠷᠢᠭ ᠲᠤ ᠬᠦᠷᠴᠦ᠂ 8.7% ᠪᠠᠷ ᠨᠡᠮᠡᠭᠳᠡᠵᠤ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠠᠶᠢᠮᠠᠭ ᠲᠤ | ᠲᠦᠷᠪᠡᠳᠣᠭᠡᠷ᠂ ᠨᠡᠮᠡᠭᠳᠡᠯ ᠤᠨ ᠬᠤᠷᠳᠣᠴᠡ ᠪᠠᠷ ᠢᠶᠠᠨ ᠵᠢᠷᠭᠤᠳᠣᠭᠠᠷ ᠲᠤ ᠤᠷᠤᠵᠤ᠂ ᠤᠷᠤᠭᠰᠢ ᠨᠢᠬᠡ ᠪᠠᠶᠢᠷᠢ | ᠲᠠᠪᠰᠢᠪᠡ︔ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠣᠨ ᠪᠦᠷᠢ ᠶᠢᠨ ᠳᠤᠮᠳᠠᠴᠢ ᠴᠡᠪᠡᠷ | ᠤᠷᠤᠯᠭ᠎ᠠ 20286 ᠲᠦᠬᠦᠷᠢᠭ ᠲᠤ ᠬᠦᠷᠴᠦ᠂ 8.2% ᠪᠠᠷ ᠨᠡᠮᠡᠭᠳᠡᠵᠤ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ | ᠠᠶᠢᠮᠠᠭ ᠲᠤ ᠲᠦᠷᠪᠡᠳᠣᠭᠡᠷ᠂ ᠨᠡᠮᠡᠭᠳᠡᠯ ᠤᠨ ᠬᠤᠷᠳᠣᠴᠡ ᠪᠠᠷ ᠢᠶᠠᠨ ᠵᠢᠷᠭᠤᠳᠣᠭᠠᠷ ᠲᠤ ᠤᠷᠤᠵᠠᠢ᠃ ᠪᠦᠬᠦ ᠨᠡᠶᠢᠬᠡᠮ | ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠢ ᠦᠷᠳᠡᠭ 18.8 ᠳ᠋ᠦᠩᠰᠢᠭᠤᠷ ᠲᠦᠬᠦᠷᠢᠭ ᠲᠤ | ᠬᠦᠷᠴᠦ᠂ 7.4% ᠪᠠᠷ ᠨᠡᠮᠡᠭᠳᠡᠵᠤ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠬᠤᠷᠳᠣᠴᠡ ᠪᠠᠷ ᠢᠶᠠᠨ ᠴᠦᠮ ᠪᠦᠬᠦ | ᠠᠶᠢᠮᠠᠭ ᠲᠤ ᠲᠦᠷᠪᠡᠳᠣᠭᠡᠷ ᠲᠤ ᠤᠷᠤᠵᠣ᠂ ᠠᠵᠤ ᠠᠬᠤᠢ ᠶᠢᠨ ᠡᠷᠬᠢᠯᠳᠡ ᠳᠤᠭᠳᠠᠭᠤᠨ ᠰᠠᠶᠢᠨ ᠤᠷᠤᠭᠰᠢᠯᠠᠭᠰᠠᠨ | ᠪᠠᠶᠢᠳᠠᠯ ᠢ ᠪᠤᠢ ᠪᠤᠯᠭᠠᠵᠠᠢ᠃ ᠨᠢᠬᠡ ᠵᠢᠯ ᠤᠨ ᠳᠤᠷᠰᠢ᠂ ᠪᠢᠳᠡ ᠭᠤᠤᠯᠳᠠᠭᠤ ᠳᠤᠤᠷᠠᠬᠢ ᠠᠵᠢᠯ ᠢ ᠬᠢᠪᠡ᠃ | ︵ᠨᠢᠭᠡ︶ ᠮᠠᠯ ᠠᠵᠣ ᠠᠬᠤᠢ ᠶᠢᠨ ᠠᠵᠣ ᠦᠢᠯᠡᠰᠵᠢᠯᠳᠠ ᠶᠢᠨ ᠠᠬᠢᠴᠠ ᠶᠢ ᠲᠦᠷᠭᠡᠳᠬᠡᠪᠠ᠃ ᠮᠠᠯ ᠤᠨ | ᠡᠬᠦᠯᠳᠡᠷ ᠢ ᠰᠢᠯᠢᠳᠡᠭᠵᠢᠬᠦᠯᠬᠦ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ ᠦᠬᠡᠷ ᠤᠨ ᠡᠭᠦᠯᠳᠡᠷ ᠰᠠᠶᠢᠵᠢᠷᠠᠭᠤᠯᠬᠤ | ᠠᠵᠢᠯ ᠢ ᠠᠬᠢᠭᠤᠯᠤᠨ᠂ ᠦᠵᠦᠮᠦᠴᠢᠨ ᠬᠤᠨᠢᠨ ᠤ ᠰᠤᠩᠭᠤᠨ ᠪᠤᠶᠢᠵᠢᠭᠤᠯᠬᠤ ᠠᠵᠢᠯ ᠢ ᠴᠢᠩᠭᠠᠳᠬᠠᠵᠤ᠂ 15 | ᠰᠢᠮᠧᠨ᠋ᠲᠷ ᠦᠬᠡᠷ᠂ ᠱᠠᠷᠦ᠋ᠯᠠᠢ ᠦᠬᠡᠷ ᠤᠨ ᠭᠤᠣᠯ ᠰᠦᠷᠦᠭ ᠪᠠ 3100 ᠪᠠᠷᠢᠮᠵᠢᠶᠠᠵᠢᠭᠰᠠᠨ ᠦᠵᠦᠮᠦᠴᠢᠨ | ᠬᠤᠨᠢᠨ ᠰᠦᠷᠦᠭ ᠤᠨ ᠴᠢᠨᠠᠷ ᠢ ᠤᠯᠠᠮ ᠨᠢᠬᠡ ᠠᠯᠬᠤᠮ ᠪᠠᠬᠢᠵᠢᠬᠦᠯᠪᠡ᠃ ᠦᠵᠦᠮᠦᠴᠢᠨ ᠴᠠᠭᠠᠨ ᠠᠳᠤᠭᠤᠨ ᠤ | ᠭᠤᠣᠯ ᠰᠦᠷᠦᠭ ᠤᠨ ᠪᠠᠶᠢᠭᠤᠯᠤᠯᠳᠠ ᠶᠢ ᠴᠢᠩᠭᠠᠳᠬᠠᠵᠦ᠂ ᠭᠠᠵᠠᠷ ᠤᠷᠤᠨ ᠤ ᠰᠢᠯᠢᠳᠡᠭ ᠡᠬᠦᠯᠳᠡᠷ ᠢ ᠬᠠᠮᠠᠭᠠᠯᠠᠪᠠ᠃ | ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠡ ᠶᠢᠨ ᠭᠤᠤᠯ ᠴᠤᠭᠴᠠ ᠶᠢ | ᠢᠳᠡᠪᠬᠢᠳᠡᠢ ᠬᠦᠭᠵᠢᠬᠦᠯᠵᠦ᠂ 20 ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠭᠤᠤᠯᠳᠠᠯᠭ᠎ᠠ ᠲᠠᠢ ᠪᠠᠶᠢᠭᠤᠯᠵᠦ᠂ | ᠵᠢᠱᠢᠶᠡᠴᠢ ᠳᠠᠭᠠᠭᠤᠯᠤᠭᠴᠢ ᠦᠢᠯᠡᠳᠦᠯ ᠢ ᠨᠢ ᠬᠦᠢᠴᠡᠳ ᠪᠠᠳᠠᠷᠠᠭᠤᠯᠪᠠ᠃ ᠳᠤᠰᠬᠠᠢ ᠬᠤᠷᠰᠢᠶᠠᠵᠢᠯ ᠤᠨ | ᠪᠠᠶᠢᠭᠤᠯᠤᠯᠳᠠ ᠶᠢ ᠴᠢᠩᠭᠠᠳᠬᠠᠨ᠂ ᠳᠤᠳᠤᠭᠠᠳᠤ ᠬᠠᠮᠢᠶᠠᠷᠤᠯᠳᠠ ᠶᠢ ᠨᠢ ᠳᠦᠷᠢᠮᠵᠢᠬᠦᠯᠵᠠᠢ᠃ ︽ᠥᠵᠦᠮᠦᠴᠢᠨ | ᠬᠤᠨᠢᠨ︾ ᠮᠢᠬᠠᠨ ᠤ ᠢᠷᠡᠯᠲᠡ ᠶᠢ ᠬᠠᠶᠢᠬᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ | ᠬᠡᠷᠡᠭᠵᠢᠬᠦᠯᠵᠦ᠂ 15 ᠲᠦᠮᠡᠨ ᠲᠣᠯᠤᠭᠠᠢ ᠬᠤᠷᠠᠭᠠᠨ ᠤ ᠮᠢᠬᠠᠨ ᠤ ᠢᠷᠡᠯᠳᠡ ᠶᠢ ᠬᠠᠶᠢᠬᠤ ᠰᠢᠰᠲ᠋ᠧᠮ ᠤᠨ ᠬᠡᠷ᠎ᠡ ᠶᠢ | ᠳᠤᠭᠳᠠᠪᠠ᠃ ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ ᠢ ᠬᠦᠨᠵᠡᠬᠡᠢ ᠠᠬᠢᠭᠤᠯᠵᠦ᠂ ᠶᠠᠳᠠᠭᠤ ᠶᠢ ︽ᠨᠠᠷᠢᠨ | ᠤᠨᠤᠪᠴᠢᠳᠠᠢ︾ ᠳᠡᠳᠬᠦᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠭᠤᠷᠪᠠ ᠶᠢ ᠬᠦᠳᠡᠭᠡ ᠳᠣᠰᠬᠤᠨ᠂ | ᠡᠷᠦᠬᠡ ᠳᠤ ᠬᠦᠷᠭᠡᠬᠦ︾ ᠲᠥᠷᠦᠯ ᠵᠦᠢᠯ ᠢᠶᠠᠷ ᠶᠠᠳᠠᠭᠤ ᠶᠢ ᠳᠡᠳᠬᠦᠬᠦ᠂ ᠭᠠᠵᠠᠷ ᠣᠷᠤᠨ ᠤ ᠡᠳ᠋ ᠤᠨ ᠵᠠᠰᠠᠭ ᠠᠴᠠ | ᠶᠠᠳᠠᠭᠤ ᠶᠢ ᠳᠡᠳᠬᠦᠬᠦ᠂ ᠬᠦᠳᠡᠯᠮᠦᠷᠢ ᠬᠦᠴᠦ ᠶᠢ ᠰᠢᠯᠵᠢᠬᠦᠯᠬᠦ ᠪᠠᠷ ᠶᠠᠳᠠᠭᠤ ᠶᠢ ᠳᠡᠳᠬᠦᠬᠦ᠂ ᠮᠥᠩᠭᠦᠨ ᠭᠦᠢᠯᠭᠡᠭᠡ | ᠪᠠᠷ ᠶᠠᠳᠠᠭᠤ ᠶᠢ ᠳᠡᠳᠬᠦᠬᠦ᠂ ᠨᠡᠶᠢᠭᠡᠮ ᠤᠨ ᠬᠦᠴᠦ ᠶᠢ ᠳᠠᠶᠢᠴᠢᠯᠠᠵᠤ ᠶᠠᠳᠠᠭᠤ ᠶᠢ ᠳᠡᠳᠬᠦᠬᠦ ᠵᠠᠷᠭᠡ ᠤᠯᠠᠨ ᠠᠷᠭ᠎ᠠ | ᠠᠪᠴᠢᠯ ᠢ ᠠᠪᠴᠦ᠂ 348 ᠡᠷᠦᠬᠡ ᠶᠢᠨ 1061 ᠬᠥᠮᠦᠨ ᠢ ᠳᠤᠭᠳᠠᠭᠤᠨ ᠢᠶᠠᠷ ᠶᠠᠳᠠᠭᠤ ᠠᠴᠠ | ᠠᠩᠬᠢᠵᠢᠷᠠᠭᠤᠯᠵᠦ᠂ ᠡᠷᠦᠭᠡ ᠪᠦᠷᠢ ᠶᠢᠨ ᠳᠤᠮᠳᠠᠴᠢ ᠴᠡᠪᠡᠷ ᠣᠷᠤᠯᠭ᠎ᠠ ᠶᠢ 5000 ᠲᠥᠬᠦᠷᠢᠭ ᠠᠴᠠ ᠲᠡᠭᠡᠭᠰᠢ | ᠨᠡᠮᠡᠭᠳᠡᠬᠦᠯᠵᠦ᠂ ᠳᠠᠬᠢᠨ ᠶᠠᠳᠠᠭᠤᠷᠠᠬᠤ ᠨᠤᠷᠮ᠎ᠠ ᠶᠢ 4% ᠶᠢᠨ ᠳᠤᠳᠤᠷ᠎ᠠ ᠬᠢᠵᠠᠭᠠᠷᠯᠠᠭᠰᠠᠨ ᠪᠠᠶᠢᠨ᠎ᠠ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠰᠠᠶᠢᠵᠢᠷᠠᠪᠠ᠃ ᠠᠵᠤ ᠠᠬᠤᠶᠢᠯᠠᠯ | ᠢ ᠢᠳᠡᠪᠬᠢᠳᠡᠢ ᠬᠠᠪᠰᠤᠷᠤᠨ᠂ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ᠂ ᠪᠦᠳᠦᠬᠡᠭᠳᠡᠬᠦᠨ ᠢ ᠭᠠᠳᠠᠭᠰᠢ | ᠵᠦᠬᠡᠬᠡᠪᠦᠷᠢᠯᠡᠬᠦ ᠵᠡᠷᠬᠡ ᠪᠤᠳᠠᠳᠤ ᠠᠰᠠᠭᠤᠳᠠᠯ ᠢ ᠨᠢ ᠰᠢᠢᠳᠪᠤᠷᠢᠯᠡᠵᠦ᠂ ᠠᠵᠤ ᠠᠬᠤᠶᠢᠯᠠᠯ ᠤᠨ ᠳᠤᠭᠳᠠᠭᠤᠨ | ᠡᠷᠬᠢᠯᠳᠦᠬᠦ ᠶᠢ ᠠᠬᠢᠭᠤᠯᠪᠠ᠃ ᠦᠪᠦᠷ ᠮᠤᠩᠭᠤᠯ ᠤᠨ ᠬᠢᠩᠭᠠᠨ ᠵᠡᠰ ᠴᠠᠶᠢᠷ ᠬᠠᠶᠢᠯᠣᠭᠤᠯᠣᠨ ᠪᠣᠯᠪᠠᠰᠣᠷᠠᠭᠤᠯᠬᠤ | ᠺᠣᠮᠫᠠᠨᠢ ᠶᠢ ᠴᠠᠬᠢᠯᠭᠠᠨ ᠬᠦᠴᠦᠨ ᠤ ᠤᠯᠠᠨ ᠲᠠᠯ᠎ᠠ ᠶᠢᠨ ᠰᠤᠯᠢᠯᠴᠠᠭᠠᠨ ᠤ ᠬᠡᠪᠴᠢᠶᠡᠨ ᠳᠤ ᠤᠷᠤᠭᠤᠯᠪᠠ᠃ ᠵᠠᠭᠦᠨ | ᠬᠤᠶᠢᠲᠤ ᠶᠢᠨ ᠴᠠᠬᠢᠯᠭᠠᠨ ᠲᠤᠤᠷ ᠤᠨ ᠺᠣᠮᠫᠠᠨᠢ ᠲᠠᠢ ᠢᠳᠡᠪᠬᠢᠳᠡᠢ ᠬᠠᠷᠢᠯᠴᠠᠭᠰᠠᠨ ᠠᠴᠠ ᠪᠠᠷᠠᠭᠤᠨ ᠦᠵᠦᠮᠦᠴᠢᠨ | ᠬᠤᠰᠢᠭᠤᠨ ᠤ ᠶᠢᠨ ᠱᠠᠨ ᠴᠠᠬᠢᠯᠭᠠᠨ ᠭᠠᠷᠭᠠᠬᠤ ᠺᠣᠮᠫᠠᠨᠢ ᠳᠤ ᠰᠢᠨ᠎ᠡ ᠪᠠᠷ ᠴᠠᠬᠢᠯᠭᠠᠨ ᠡᠭᠦᠰᠬᠡᠬᠦ ᠬᠡᠮᠵᠢᠶ᠎ᠡ 1.5 | ᠳ᠋ᠥᠩᠰᠢᠭᠤᠷ ᠺᠢᠯᠤᠸᠠᠲ ᠴᠠᠭ ᠨᠡᠮᠡᠭᠳᠡᠬᠦᠯᠪᠡ᠃ ᠶᠢᠨ ᠲᠠᠢ ᠡᠳ᠋ ᠪᠠᠶᠠᠯᠢᠭ ᠤᠨ ᠬᠤᠪᠢ ᠣᠷᠤᠭᠤᠯᠬᠤ ᠬᠢᠵᠠᠭᠠᠷᠲᠤ | ᠺᠣᠮᠫᠠᠨᠢ ᠶᠢ ᠮᠠᠨ ᠤ ᠬᠤᠰᠢᠭᠤᠨ ᠳᠤ ᠰᠠᠭᠤᠷᠢᠰᠢᠭᠤᠯᠤᠨ᠂ ᠮᠠᠨ ᠤ ᠠᠶᠢᠮᠠᠭ ᠤᠨ ᠠᠩᠬᠠᠳᠠᠭᠴᠢ ᠵᠠᠬ᠎ᠠ ᠳᠤ | ᠭᠠᠷᠤᠭᠰᠠᠨ ᠺᠤᠮᠫᠠᠨᠢ ᠪᠤᠯᠤᠭᠰᠠᠨ ᠪᠠᠶᠢᠨ᠎ᠠ᠃ 2015 ᠤᠨ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ | ᠲᠡᠭᠡᠭᠰᠢᠬᠢ ᠠᠵᠤ ᠦᠢᠯᠡᠳᠪᠦᠷᠢ 29 ᠡᠷᠦᠬᠡ ᠳᠤ ᠬᠦᠷᠴᠦ᠂ ᠡᠭᠦᠨ ᠳᠤ 13 ᠡᠷᠦᠬᠡ ᠶᠢᠨ ᠦᠢᠯᠡᠳᠪᠦᠷᠢᠯᠡᠯ ᠤᠨ | ᠥᠷᠲᠡᠭ ᠨᠢ ᠳ᠋ᠥᠩᠰᠢᠭᠤᠷ ᠲᠥᠬᠦᠷᠢᠭ ᠢ ᠳᠠᠪᠠᠨ᠂ ᠨᠡᠮᠡᠭᠳᠠᠯ ᠥᠷᠳᠡᠭ ᠨᠢ 65.3 ᠳ᠋ᠥᠩᠰᠢᠭᠤᠷ ᠲᠥᠬᠦᠷᠢᠭ ᠢ | ᠪᠡᠶᠡᠯᠡᠬᠦᠯᠵᠦ᠂ 15.5% ᠪᠠᠷ ᠨᠡᠮᠡᠭᠳᠡᠪᠡ᠃ ᠦᠢᠯᠡᠴᠢᠯᠡᠭᠡ ᠶᠢ ᠰᠠᠶᠢᠳᠤᠷ ᠬᠢᠬᠦ ᠶᠢᠨ ᠬᠠᠮᠳᠤ᠂ ᠬᠢᠨᠠᠨ | ᠬᠠᠮᠢᠶᠠᠷᠤᠯᠳᠠ ᠪᠠᠨ ᠴᠢᠩᠭᠠᠳᠬᠠᠵᠦ᠂ ᠠᠶᠤᠯᠬᠦᠢ ᠦᠢᠯᠡᠳᠪᠤᠷᠢᠯᠡᠯ ᠤᠨ ᠠᠵᠢᠯ ᠢ ᠰᠠᠶᠢᠳᠤᠷ ᠠᠳᠬᠤᠵᠦ᠂ ᠠᠵᠤ | ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠬᠦᠷᠢᠶ᠎ᠡ | ᠬᠡᠪᠴᠢᠶ᠎ᠡ ᠪᠠ ᠴᠢᠬᠤᠯᠠ ᠠᠵᠢᠯ ᠳᠦᠷᠦᠯ ᠢ ᠨᠠᠷᠢᠨ ᠪᠠᠶᠢᠴᠠᠭᠠᠵᠦ᠂ ᠬᠡᠮ ᠰᠤᠭᠤᠭ ᠢ ᠴᠠᠭ ᠳᠤᠬᠠᠢ ᠳᠤᠨᠢ ᠵᠠᠰᠠᠨ | ᠴᠡᠭᠴᠡᠯᠡᠨ᠂ ᠪᠦᠬᠦ ᠬᠤᠰᠢᠭᠤᠨ ᠤ ᠠᠶᠤᠯᠬᠦᠢ ᠦᠢᠯᠡᠳᠪᠤᠷᠢᠯᠡᠯ ᠤᠨ ᠪᠠᠶᠢᠳᠠᠯ ᠶᠡᠷᠤᠩᠬᠡᠢ ᠳᠡᠭᠡᠨ ᠳᠤᠭᠳᠠᠭᠤᠨ | ᠪᠠᠶᠢᠬᠤ ᠶᠢ ᠪᠠᠳᠤᠯᠠᠪᠠ᠃ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢ ᠳᠦᠷᠬᠡᠳᠬᠡᠵᠦ᠂ | ᠡᠯ᠎ᠡ ᠳᠦᠷᠦᠯ ᠤᠨ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠳᠤᠮᠳᠠ ᠪᠠᠭ᠎ᠠ ᠠᠵᠤ ᠠᠬᠤᠶᠢᠯᠠᠯ ᠳᠤ | ᠪᠠᠭ᠎ᠠ ᠳᠤᠭᠠᠨ ᠤ ᠪᠠᠳᠤᠯᠠᠭᠠᠳᠤ ᠵᠢᠬᠡᠯᠡᠯᠬᠡ ᠤᠯᠭᠤᠬᠤ ᠳᠦᠷᠦ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠵᠦ᠂ | ᠵᠢᠬᠡᠯᠡᠯᠬᠡ ᠶᠢᠨ ᠳᠤᠭ᠎ᠠ ᠶᠢ ᠨᠢ ᠨᠡᠮᠡᠭᠳᠡᠬᠦᠯᠦᠨ᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠮᠦᠩᠬᠦᠨ ᠤ | ᠬᠦᠴᠢᠷᠳᠡᠯ ᠢ ᠰᠢᠢᠳᠪᠤᠷᠢᠯᠡᠪᠡ᠃ ᠪᠦᠬᠦ ᠬᠤᠰᠢᠭᠤᠨ ᠤ ᠨᠡᠶᠢᠳᠡ ᠶᠢᠨ ᠦᠮᠴᠢᠯᠡᠯ ᠤᠨ ᠪᠤᠰᠤ ᠳᠦᠷᠢᠮᠳᠤ ᠠᠵᠤ | ᠠᠬᠤᠶᠢᠯᠠᠯ 1100 ᠡᠷᠦᠬᠡ ᠳᠤ ᠬᠦᠷᠴᠤ᠂ 21% ᠪᠠᠷ ᠨᠡᠮᠡᠭᠳᠡᠨ᠂ 2.7 ᠳᠦᠮᠡᠨ ᠬᠦᠮᠦᠨ ᠳᠤ ᠠᠵᠢᠯ ᠤᠨ | ᠪᠠᠶᠢᠷᠢ ᠬᠠᠩᠭᠠᠪᠠ᠃ ᠪᠠᠯᠭᠠᠷᠭᠤᠤᠯ ᠪᠤᠳᠠᠰ ᠤᠨ ᠬᠦᠢᠯᠬᠡᠬᠡᠨ ᠤ ᠳᠤᠭᠤᠷᠢᠭ ᠤᠨ ᠪᠠᠶᠢᠭᠤᠯᠤᠯᠳᠠ ᠶᠢ ᠳᠦᠯᠬᠢᠨ | ᠠᠬᠢᠭᠤᠯᠵᠦ᠂ ᠳᠤᠮᠳᠠ ᠪᠠᠭ᠎ᠠ ᠠᠵᠤ ᠠᠬᠤᠶᠢᠯᠠᠯ ᠳᠤ ᠬᠦᠭᠵᠢᠯᠳᠡ ᠶᠢᠨ ᠳᠠᠪᠴᠠᠩ ᠬᠠᠩᠭᠠᠭᠰᠠᠨ ᠠᠴᠠ ᠣᠳᠣ | ᠪᠣᠯᠬᠤ ᠳᠤ ᠨᠡᠶᠢᠳᠠ 12 ᠠᠵᠣ ᠠᠬᠤᠶᠢᠯᠠᠯ ᠰᠠᠭᠤᠷᠢᠰᠢᠬᠤ ᠪᠠᠷ ᠭᠤᠶᠣᠴᠢᠯᠠᠵᠣ ᠪᠠᠶᠢᠨ᠎ᠠ᠃ | ︵ᠭᠤᠷᠪᠠ︶ ᠲᠥᠷᠦᠯ ᠵᠦᠢᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠭᠤᠤᠯᠳᠠᠯᠭ᠎ᠠ | ᠲᠠᠢ ᠳᠦᠷᠦᠯ ᠵᠦᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠬᠦᠯᠵᠦ᠂ ᠲᠦᠷᠦᠯ ᠵᠦᠢᠯ ᠤᠨ ᠪᠠᠶᠢᠭᠤᠯᠤᠯᠲᠠ | ᠶᠢᠨ ᠠᠵᠢᠯ ᠢ ᠪᠥᠬᠦ ᠬᠦᠴᠦᠨ ᠢᠶᠠᠷ ᠠᠬᠢᠭᠤᠯᠵᠠᠢ᠃ ᠪᠠᠶᠠᠩᠬᠤᠸᠠ ᠠᠵᠤ ᠦᠢᠯᠡᠳᠪᠦᠷᠢ ᠶᠢᠨ ᠲᠣᠭᠤᠷᠢᠭ ᠢ | ᠳᠡᠰᠵᠢᠬᠦᠯᠬᠦ ᠠᠵᠢᠯ ᠢ ᠠᠬᠢᠭᠤᠯᠵᠦ᠂ ᠠᠵᠤ ᠠᠬᠤᠶᠢᠯᠠᠯ ᠢ ᠳᠤᠭᠤᠷᠢᠭ ᠲᠤ ᠳᠦᠪᠯᠡᠷᠡᠬᠦᠯᠬᠦ ᠪᠠ ᠠᠵᠤ ᠦᠢᠯᠡᠰ ᠢ | ᠳᠤᠭᠤᠷᠢᠭ ᠲᠤ ᠨᠢᠭᠳᠠᠷᠠᠭᠤᠯᠬᠤ ᠶᠢ ᠠᠬᠢᠭᠤᠯᠤᠭᠰᠠᠨ ᠠᠴᠠ ᠪᠦᠬᠦ ᠬᠤᠰᠢᠭᠤᠨ ᠤ ᠠᠵᠤ ᠦᠢᠯᠡᠳᠪᠤᠷᠢ ᠶᠢᠨ ᠠᠵᠤ | ᠠᠬᠤᠢ ᠶᠢᠨ ᠠᠯᠤᠰ ᠬᠡᠳᠤ ᠶᠢᠨ ᠬᠦᠭᠵᠢᠯᠳᠡ ᠳᠤ ᠰᠠᠭᠤᠷᠢ ᠳᠠᠯᠪᠢᠭᠰᠠᠨ ᠪᠠᠶᠢᠨ᠎ᠠ᠃ ᠪᠥᠬᠦ ᠬᠤᠰᠢᠭᠤᠨ ᠤ 500 | ᠲᠦᠮᠡᠨ ᠲᠥᠭᠦᠷᠢᠭ ᠠᠴᠠ ᠳᠡᠭᠡᠭᠰᠢᠬᠢ ᠳᠤᠭᠳᠠᠮᠠᠯ ᠬᠦᠷᠦᠩᠬᠡ ᠶᠢᠨ ᠪᠡᠯᠡ ᠣᠷᠤᠭᠤᠯᠤᠯᠳᠠ ᠲᠠᠢ ᠲᠥᠷᠦᠯ ᠵᠦᠢᠯ | 78 ᠵᠦᠢᠯ ᠢ ᠳᠤᠬᠢᠷᠠᠭᠤᠯᠵᠦ᠂ 83 ᠳ᠋ᠦᠩᠰᠢᠭᠤᠷ ᠳᠦᠬᠦᠷᠢᠭ ᠪᠡᠯᠡ ᠤᠷᠤᠭᠤᠯᠤᠨ᠂ 16.6% ᠪᠠᠷ | ᠨᠡᠮᠡᠭᠳᠡᠵᠠᠢ᠃ ᠬᠤᠣ ᠷᠦᠩ ᠪᠦᠯᠦᠭᠯᠡᠯ ᠤᠨ ᠵᠢᠯ ᠳᠤ 10 ᠲᠦᠮᠡᠨ ᠲᠣᠨ ᠨᠢᠺᠧᠯ ᠬᠠᠶᠢᠯᠤᠭᠤᠯᠤᠨ | ᠪᠣᠯᠪᠠᠰᠣᠷᠠᠭᠤᠯᠬᠤ ᠲᠦᠷᠦᠯ ᠵᠦᠢᠯ ᠢ ᠳᠤᠭᠳᠠᠭᠤᠨ ᠢᠶᠠᠷ ᠠᠬᠢᠭᠤᠯᠵᠦ᠂ ᠦᠪᠣᠷ ᠮᠣᠩᠭᠤᠯ ᠤᠨ ᠬᠢᠩᠭᠠᠨ ᠵᠡᠰ ᠴᠠᠶᠢᠷ | ᠬᠠᠶᠢᠯᠣᠭᠤᠯᠣᠨ ᠪᠣᠯᠪᠠᠰᠣᠷᠠᠭᠤᠯᠬᠤ ᠺᠣᠮᠫᠠᠨᠢ ᠶᠢᠨ ᠬᠤᠶᠠᠳᠣᠭᠠᠷ ᠬᠤᠭᠤᠴᠠᠭᠠᠨ ᠤ 2×5 ᠳᠦᠮᠡᠨ ᠺᠢᠯᠣᠸᠠᠲ | ᠦᠪᠡᠷᠳᠡᠬᠡᠨ ᠪᠡᠯᠡᠳᠬᠡᠬᠦ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠵᠢᠴᠢ ᠢᠯᠴᠢ ᠶᠢ ᠶᠡᠷᠤᠩᠬᠡᠶᠢᠯᠡᠨ ᠠᠰᠢᠭᠯᠠᠬᠤ | ᠳᠦᠷᠦᠯ ᠵᠦᠢᠯ ᠢ ᠠᠰᠢᠭᠯᠠᠯᠳᠠ ᠳᠤ ᠤᠷᠤᠭᠤᠯᠵᠠᠢ᠃ ᠬᠤᠸᠠ ᠷᠦᠨ ᠪᠦᠯᠦᠭᠯᠡᠯ ᠤᠨ ᠡᠣ ᠵᠢᠶᠠᠨ ᠹᠠᠩ ᠳᠠᠬᠢ 2 | × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠢᠨᠵᠧᠨᠧᠷᠢᠩ ᠪᠠ ᠵᠢᠩ | ᠨᠧᠩ ᠪᠦᠯᠦᠭᠯᠡᠯ ᠤᠨ ᠡᠣ ᠵᠢᠶᠠᠨ ᠹᠠᠩ ᠳᠠᠬᠢ 2×66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ | ᠴᠣᠭᠴᠠᠯᠠᠪᠣᠷᠢ ᠶᠢᠨ ᠲᠥᠷᠦᠯ ᠵᠦᠢᠯ ᠤᠨ ᠭᠤᠤᠯ ᠦᠢᠯᠡᠳᠪᠤᠷᠢ ᠶᠢᠨ ᠬᠡᠷ ᠤᠨ ᠰᠠᠭᠤᠷᠢ ᠶᠢ ᠳᠠᠯᠪᠢᠵᠦ᠂ ᠭᠤᠤᠯ | ᠳᠦᠬᠦᠬᠡᠷᠦᠮᠵᠢ ᠶᠢ ᠨᠢ ᠨᠢᠬᠡᠨᠳᠡ ᠵᠠᠬᠢᠶᠠᠯᠠᠭᠰᠠᠨ ᠪᠠᠶᠢᠨ᠎ᠠ︔ ᠶᠢᠨ ᠮᠠᠨ ᠠᠭᠤᠷᠬᠠᠢ ᠶᠢᠨ ᠦᠢᠯᠡᠰ ᠤᠨ ᠪᠠᠶᠠᠨᠴᠠᠭᠠᠨ | ᠤ ᠡᠳᠣᠷ ᠲᠤ 5000 ᠲᠣᠨ ᠴᠠᠶᠢᠷ ᠦᠩᠬᠡᠳᠣ ᠲᠡᠮᠦᠷᠯᠢᠭ ᠢ ᠰᠣᠩᠭᠤᠨ ᠪᠣᠯᠪᠠᠰᠣᠷᠠᠭᠤᠯᠬᠤ ᠲᠦᠷᠦᠯ ᠵᠦᠢᠯ ᠤᠨ | ᠪᠠᠷᠢᠯᠭ᠎ᠠ ᠶᠢᠨ ᠠᠵᠢᠯ ᠪᠠ ᠳᠦᠬᠦᠬᠡᠷᠦᠮᠵᠢ ᠤᠭᠰᠠᠷᠠᠬᠤ ᠠᠵᠢᠯ ᠨᠢᠬᠡᠨᠳᠡ ᠳᠠᠭᠤᠰᠪᠠ︔ ᠵᠦᠩ ᠳ᠋ᠢᠶᠠᠨ ᠲᠸᠣ | ᠪᠦᠯᠦᠭᠯᠡᠯ ᠤᠨ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ᠂ ᠪᠠᠶᠠᠩᠬᠤᠸᠠ | ᠳᠠᠬᠢ ᠶᠢᠨ ᠱᠠᠨ ᠪᠦᠯᠦᠭᠯᠡᠯ ᠤᠨ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ | ᠪᠠ ᠵᠦᠩ ᠳ᠋ᠢᠶᠠᠨ ᠲᠸᠣ ᠪᠦᠯᠦᠭᠯᠡᠯ ᠤᠨ 80 ᠲᠦᠮᠡᠨ ᠲᠣᠨ ᠨᠠᠷᠢᠯᠢᠭᠵᠢᠭᠤᠯᠣᠭᠰᠠᠨ ᠬᠦᠩᠬᠡᠨ ᠴᠠᠭᠠᠨ ᠤ | ᠬᠠᠪᠳᠠᠰᠣ ᠪᠣᠯᠪᠠᠰᠣᠷᠠᠭᠤᠯᠬᠤ ᠲᠦᠷᠦᠯ ᠵᠦᠢᠯ ᠤᠨ ︵ᠨᠢᠬᠡᠳᠣᠬᠡᠷ ᠬᠤᠭᠤᠴᠠᠭ᠎ᠠ︶ 40 ᠲᠦᠮᠡᠨ ᠲᠣᠨ ᠵᠢᠴᠢ ᠢᠵᠢ | ᠪᠦᠷᠢᠳᠦᠭᠰᠡᠨ 2×35 ᠳᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠳᠦᠷᠦᠯ | ᠵᠦᠢᠯ ᠤᠨ ᠤᠷᠢᠳᠤᠬᠢ ᠬᠤᠭᠤᠴᠠᠭᠠᠨ ᠤ ᠠᠵᠢᠯ ᠤᠨ ᠠᠬᠢᠴᠠ ᠶᠢ ᠳᠠᠰᠤᠷᠠᠯᠲᠠ ᠦᠭᠡᠢ ᠳᠦᠷᠬᠡᠳᠬᠡᠭᠰᠡᠨ ᠠᠴᠠ | ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠱᠠᠳᠤ ᠳᠠᠷᠠᠭᠠᠯᠠᠯ ᠲᠠᠢ ᠳᠦᠯᠬᠢᠨ ᠠᠬᠢᠭᠤᠯᠤᠭᠰᠠᠨ ᠤᠬᠢ | ᠰᠠᠶᠢᠨ ᠪᠠᠶᠢᠳᠠᠯ ᠢ ᠪᠣᠢ ᠪᠣᠯᠭᠠᠵᠠᠢ᠃ | ︵ᠳᠦᠷᠪᠠ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠪᠠ᠃ ︽ᠬᠤᠶᠠᠷ ᠶᠡᠭᠡ | ᠭᠤᠣᠯ ᠰᠡᠳᠣᠪᠳᠣ ᠠᠵᠢᠯᠯᠠᠭ᠎ᠠ᠂ ᠲᠦᠷᠪᠡᠨ ᠲᠦᠷᠦᠯ ᠤᠨ ᠰᠣᠶᠣᠯ ᠲᠠᠮᠢᠷ ᠤᠨ ᠣᠷᠣᠯᠳᠣᠭᠠᠨ︾ ᠢ ᠦᠷᠭᠦᠯᠵᠢᠯᠡᠨ | ᠡᠷᠬᠢᠯᠡᠵᠦ᠂ ᠠᠭᠤᠯᠭ᠎ᠠ ᠶᠢ ᠨᠢ ᠤᠯᠠᠮ ᠨᠢᠬᠡ ᠠᠯᠬᠤᠮ ᠪᠠᠶᠠᠯᠢᠭᠵᠢᠭᠤᠯᠪᠠ᠃ ᠪᠡᠭᠡᠵᠢᠩ ᠳᠤ ᠭᠤᠷᠪᠠᠳᠤᠭᠠᠷ | ᠬᠤᠭᠤᠴᠠᠭᠠᠨ ᠤ ︽ᠲᠣᠮᠳᠠᠳᠣ ᠣᠯᠣᠰ ᠤᠨ ᠴᠠᠭᠠᠨ ᠠᠳᠣᠭᠤᠨ ᠤ ᠨᠣᠳᠤᠭ︾ ᠰᠣᠶᠣᠯ ᠤᠨ ᠨᠠᠶᠢᠷ ᠵᠢᠴᠢ ᠲᠠᠯ᠎ᠠ | ᠨᠤᠳᠤᠭ ᠤᠨ ᠤᠷᠠᠯᠢᠭ ᠤᠨ ᠪᠥᠲᠦᠭᠡᠯ ᠤᠨ ᠳᠡᠯᠭᠡᠨ ᠦᠵᠡᠬᠦᠯᠦᠯᠬᠡ ᠶᠢ ᠠᠮᠵᠢᠯᠲᠠ ᠲᠠᠢ ᠡᠷᠬᠢᠯᠡᠨ᠂ ᠠᠩᠬᠠᠳᠤᠭᠠᠷ | ᠬᠤᠭᠤᠴᠠᠭᠠᠨ ᠤ ᠨᠠᠢᠮᠠᠨ ᠮᠤᠵᠢ ᠣᠷᠤᠨ ᠤ ︽ᠵᠠᠭᠤᠨᠠᠰᠤᠳᠤ ᠬᠤᠨᠳᠠᠭᠠᠳᠤ︾ ᠤᠷᠲᠤ ᠶᠢᠨ ᠳᠠᠭᠤᠨ ᠤ | ᠤᠷᠤᠯᠳᠤᠭᠠᠨ ᠢ ᠡᠷᠬᠢᠯᠡᠵᠦ᠂ ᠬᠤᠰᠢᠭᠤ ᠤᠷᠤᠨ ᠤ ᠨᠡᠷ᠎ᠡ ᠠᠯᠳᠠᠷᠰᠢᠯ ᠢᠶᠠᠨ ᠤᠯᠠᠮ ᠨᠢᠬᠡ ᠠᠯᠬᠤᠮ | ᠳᠠᠭᠤᠷᠢᠰᠢᠭᠤᠯᠤᠭᠰᠠᠨ ᠪᠠᠶᠢᠨ᠎ᠠ᠃ ᠨᠡᠭᠦᠳᠡᠯᠴᠢᠨ ᠠᠶᠢᠮᠠᠭ᠂ ᠤᠯᠠᠭᠠᠨ ᠤᠲᠠᠢ ᠵᠠᠷᠭᠡ ᠦᠵᠡᠮᠵᠢ ᠶᠢᠨ ᠣᠷᠤᠨ ᠤ | ᠪᠠᠶᠢᠭᠤᠯᠤᠯᠳᠠ ᠶᠢ ᠴᠢᠩᠭᠠᠳᠬᠠᠵᠤ᠂ ᠰᠠᠭᠤᠷᠢ ᠳᠦᠬᠦᠬᠡᠷᠤᠮᠵᠢ ᠶᠢ ᠨᠢ ᠳᠡᠬᠦᠯᠳᠡᠷᠵᠢᠬᠦᠯᠦᠨ᠂ ᠦᠢᠯᠡᠴᠢᠯᠡᠬᠡᠨ ᠤ | ᠬᠢᠷᠢ ᠳᠦᠪᠰᠢᠨ ᠢ ᠨᠢ ᠳᠡᠬᠡᠭᠰᠢᠯᠡᠬᠦᠯᠦᠭᠰᠡᠨ ᠠᠴᠠ ᠤᠯᠠᠭᠠᠨ ᠤᠳᠠᠢ ᠨᠢ ᠤᠯᠤᠰ ᠤᠨ 4A ᠳᠡᠰ ᠤᠨ ᠵᠢᠭᠤᠯᠴᠢᠯᠠᠯ | ᠤᠨ ᠤᠷᠤᠨ ᠢᠶᠠᠷ ᠦᠨᠡᠯᠡᠭᠳᠡᠪᠡ᠃ ︽ᠮᠠᠯᠴᠢᠨ ᠠᠶᠢᠯ︾ ᠵᠣᠭᠠᠴᠠᠯ ᠤᠨ ᠴᠢᠭ ᠤᠨ ᠬᠦᠭᠵᠢᠯᠳᠡ ᠶᠢ ᠳᠡᠮᠵᠢᠵᠦ᠂ | ᠳᠡᠰ ᠳᠠᠪᠬᠤᠷᠭ᠎ᠠ ᠶᠢ ᠨᠢ ᠳᠡᠪᠰᠢᠬᠦᠯᠬᠦ ᠠᠵᠢᠯ ᠢ ᠰᠠᠶᠢᠳᠤᠷ ᠠᠳᠬᠤᠭᠰᠠᠨ ᠠᠴᠠ ᠪᠦᠬᠦ ᠬᠤᠰᠢᠭᠤᠨ ᠤ ︽ᠮᠠᠯᠴᠢᠨ | ᠠᠶᠢᠯ︾ ᠵᠣᠭᠠᠴᠠᠯ ᠤᠨ ᠴᠢᠭ ᠨᠢ 107 ᠳᠤ ᠬᠦᠷᠪᠡ᠃ 2015 ᠤᠨ ᠳᠤ ᠪᠦᠬᠦ ᠬᠤᠰᠢᠭᠤᠨ ᠤ ᠬᠡᠪᠴᠢᠶᠡᠨ ᠳᠤ | ᠤᠯᠤᠰ ᠤᠨ ᠭᠠᠳᠠᠭᠠᠳᠤ ᠳᠣᠲᠤᠭᠠᠳᠤ ᠶᠢᠨ ᠵᠢᠭᠤᠴᠢᠯᠠᠭᠴᠢ ᠶᠢ 62 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ | 22% ᠪᠠᠷ ᠨᠡᠮᠡᠭᠳᠡᠪᠠ᠃ ᠵᠤᠭᠠᠴᠠᠯ ᠤᠨ ᠣᠷᠤᠯᠭ᠎ᠠ 3.1 ᠳ᠋ᠦᠩᠰᠢᠭᠤᠷ ᠲᠥᠬᠦᠷᠢᠭ ᠲᠤ ᠬᠦᠷᠴᠦ᠂ 25% ᠪᠠᠷ | ᠨᠡᠮᠡᠭᠳᠡᠵᠠᠢ᠃ ᠪᠠᠷᠠᠭᠤᠨ ᠦᠵᠦᠮᠦᠴᠢᠨ ᠬᠤᠰᠢᠭᠤᠨ ᠤ ᠰᠤᠶᠣᠯ ᠤᠷᠠᠯᠢᠭ ᠤᠨ ᠰᠣᠳᠣᠯᠭᠠᠨ ᠤ ᠪᠠᠶᠢᠭᠤᠯᠤᠮᠵᠢ ᠶᠢ | ᠪᠠᠶᠢᠭᠤᠯᠵᠤ᠂ ᠰᠤᠶᠤᠯ ᠤᠨ ᠠᠵᠤ ᠦᠢᠯᠡᠰ ᠤᠨ ᠲᠥᠷᠦᠯ ᠵᠦᠢᠯ ᠤᠨ ᠬᠥᠮᠦᠷᠭᠡ ᠶᠢ ᠪᠠᠶᠢᠭᠤᠯᠪᠠ᠃ ᠦᠵᠦᠮᠦᠴᠢᠨ | ᠤ ᠰᠤᠶᠤᠯ ᠤᠨ ᠦᠪ ᠢ ᠠᠭᠤᠳᠠᠯᠯᠠᠨ᠂ ᠰᠢᠯᠢᠳᠡᠭ ᠪᠦᠳᠦᠬᠡᠯ ᠵᠤᠬᠢᠶᠠᠵᠦ᠂ ᠤᠯᠠᠭᠠᠨᠮᠦ᠋ᠴᠢᠷ ᠤᠨ ᠳᠦᠷᠪᠡᠨ | ᠬᠦᠰᠢᠭᠡᠲᠦ ᠦᠨᠳᠤᠰᠦᠲᠡᠨ ᠤ ᠳᠠᠭᠤᠤ ᠪᠦᠵᠢᠭ ᠤᠨ ᠵᠥᠴᠦᠭᠡ ︽ᠡᠭᠦᠷ ᠰᠡᠭᠦᠯᠲᠦ︾ ᠨᠢ ᠵᠢᠷᠭᠤᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠰᠤᠶᠤᠯ ᠤᠷᠠᠯᠢᠭ ᠤᠨ ᠦᠵᠡᠬᠦᠯᠦᠯᠬᠡ ᠵᠢᠴᠢ ᠠᠷᠪᠠᠨ | ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠤᠷᠤᠨ ᠤ ᠠᠷᠠᠳ ᠤᠨ ᠳᠠᠭᠤᠤ ᠶᠢᠨ | ᠤᠷᠤᠯᠳᠤᠭᠠᠨ ᠳᠤ ᠠᠯᠳᠠᠨ ᠱᠠᠩᠨᠠᠯ ᠳᠤᠰᠪᠠ᠃ | ︵ᠲᠠᠪᠤ︶ ᠰᠠᠭᠤᠷᠢ ᠨᠥᠬᠦᠴᠡᠯ ᠢ ᠦᠷᠬᠦᠯᠵᠢᠯᠡᠨ ᠰᠠᠶᠢᠵᠢᠷᠠᠭᠤᠯᠪᠠ᠃ ᠡᠯ᠎ᠡ ᠭᠤᠤᠯᠳᠠᠯᠭ᠎ᠠ ᠲᠠᠢ | ᠳᠦᠯᠦᠪᠵᠢᠬᠦᠯᠬᠡ ᠶᠢ ᠢᠳᠡᠪᠬᠢᠲᠠᠢ ᠪᠠᠷ ᠨᠠᠶᠢᠷᠠᠭᠤᠯᠤᠨ ᠲᠡᠭᠦᠯᠳᠡᠷᠵᠢᠭᠦᠯᠵᠦ᠂ ᠪᠦᠬᠦ ᠬᠤᠰᠢᠭᠤᠨ ᠤ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠬᠤ ᠶᠢᠨ ᠵᠡᠷᠬᠡᠪᠡᠷ | 30 ᠵᠤᠶᠢᠯ ᠤᠨ ᠳᠤᠰᠬᠠᠢ ᠲᠥᠯᠦᠪᠯᠡᠭᠡ ᠶᠢ ᠬᠠᠮᠳᠤ ᠳᠤᠨᠢ ᠨᠠᠶᠢᠷᠠᠭᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠬᠤᠭᠤᠴᠠᠭᠠᠨ ᠤ ᠬᠦᠭᠵᠢᠯᠳᠡ ᠳᠤ ᠮᠦᠷᠳᠡᠯ ᠬᠠᠩᠭᠠᠪᠠ᠃ ᠪᠠᠶᠠᠩᠬᠤᠸᠠ ᠨᠡᠭᠦᠷᠡᠰᠦᠨ | ᠠᠭᠤᠷᠬᠠᠢ ᠶᠢᠨ ᠳᠤᠭᠤᠷᠢᠭ ᠤᠨ ᠪᠦᠬᠦᠯᠢ ᠴᠤᠭᠴᠠ ᠶᠢᠨ ᠳᠦᠯᠦᠪᠵᠢᠬᠦᠯᠬᠡ ᠶᠢ ᠵᠠᠰᠠᠨ ᠨᠠᠶᠢᠷᠠᠭᠤᠯᠵᠦ᠂ ᠡᠣ ᠵᠢᠶᠠᠨ | ᠹᠠᠩ ᠤᠷᠴᠢᠯᠳᠤ ᠠᠵᠤ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠦᠯᠦᠪᠵᠢᠬᠦᠯᠬᠡ ᠶᠢ | ᠨᠠᠶᠢᠷᠠᠭᠤᠯᠤᠨ᠂ ᠠᠵᠦ ᠦᠢᠯᠡᠳᠪᠤᠷᠢ ᠶᠢᠨ ᠳᠤᠭᠤᠷᠢᠭ ᠤᠨ ᠰᠢᠨᠵᠢᠯᠡᠬᠦ ᠤᠬᠠᠭᠠᠨᠴᠢ ᠬᠦᠭᠵᠢᠯᠳᠡ ᠳᠤ ︽ᠶᠡᠷᠤᠩᠬᠡᠢ | ᠳᠦᠯᠦᠪᠵᠢᠬᠦᠯᠬᠡ ᠶᠢᠨ ᠵᠢᠷᠤᠭ︾ ᠪᠠ ︽ᠵᠠᠮ ᠱᠤᠭᠤᠮ ᠤᠨ ᠪᠦᠳᠦᠴᠡ ᠶᠢᠨ ᠵᠢᠷᠤᠭ︾ ᠶᠢ ᠬᠠᠩᠭᠠᠪᠠ᠃ | ᠪᠠᠶᠠᠨᠬᠤᠰᠢᠭᠤ ᠨᠡᠬᠦᠷᠡᠰᠦᠨ ᠠᠭᠤᠷᠬᠠᠢ ᠶᠢᠨ ᠶᠡᠷᠤᠩᠬᠡᠢ ᠳᠦᠯᠦᠪᠵᠢᠬᠦᠯᠬᠡ ᠨᠢ ᠤᠯᠤᠰ ᠤᠨ ᠦᠬᠡᠷᠡᠴᠢᠯᠡᠯᠳᠡ | ᠬᠦᠭᠵᠢᠬᠦᠯᠦᠯᠳᠡ ᠶᠢᠨ ᠵᠦᠪᠯᠡᠯ ᠤᠨ ᠵᠦᠪᠰᠢᠶᠡᠷᠡᠯ ᠢ ᠤᠯᠵᠠᠢ᠃ ᠬᠤᠲᠠ ᠪᠠᠯᠭᠠᠰᠤᠵᠢᠯᠲᠠ ᠶᠢᠨ ᠪᠠᠶᠢᠭᠤᠯᠤᠯᠲᠠ ᠶᠢ | ᠴᠢᠩᠭᠠᠳᠬᠠᠵᠦ᠂ PPP ᠵᠡᠷᠬᠡ ᠤᠯᠠᠨ ᠳᠦᠷᠦᠯ ᠤᠨ ᠵᠠᠭᠪᠤᠷ ᠢᠶᠠᠷ 2.6 ᠳ᠋ᠦᠩᠰᠢᠭᠤᠷ ᠲᠥᠬᠦᠷᠢᠭ ᠤᠨ ᠪᠡᠯᠡ | ᠬᠤᠷᠠᠮᠳᠤᠭᠤᠯᠤᠨ ᠤᠷᠤᠭᠤᠯᠵᠦ᠂ ︽ᠨᠣᠭᠤᠭᠠᠷᠠᠭᠤᠯᠬᠤ᠂ ᠴᠢᠮᠡᠭᠯᠡᠬᠦ᠂ ᠭᠡᠷᠡᠯᠳᠤᠭᠦᠯᠬᠦ︾ ᠢᠨᠵᠧᠨᠧᠷᠢᠩ ᠢ ᠳᠦᠯᠬᠢᠨ | ᠠᠬᠢᠭᠤᠯᠤᠨ᠂ ᠬᠤᠳᠠ ᠪᠠᠯᠭᠠᠰᠤᠨ ᠤ ᠴᠢᠳᠠᠪᠬᠢ ᠶᠢ ᠳᠡᠬᠦᠯᠳᠡᠷᠵᠢᠬᠦᠯᠦᠨ᠂ ᠬᠤᠲᠠ ᠪᠠᠯᠭᠠᠰᠤᠨ ᠤ ᠭᠠᠳᠠᠷ ᠳᠦᠷᠢ | ᠳᠦᠷᠬᠦ ᠶᠢ ᠤᠯᠠᠮ ᠭᠤᠶᠤᠵᠢᠭᠤᠯᠪᠠ᠃ ᠵᠠᠰᠠᠮᠠᠯ ᠵᠠᠮ ᠤᠨ ᠪᠥᠳᠦᠭᠡᠨ ᠪᠠᠶᠢᠭᠤᠯᠤᠯᠲᠠ ᠶᠢᠨ ᠲᠠᠯ᠎ᠠ ᠪᠠᠷ ᠪᠥᠬᠦ | ᠤᠷᠳᠤ ᠨᠢ 201.7 ᠺᠢᠯᠤᠮᠧᠲᠷ ᠪᠦᠬᠦᠢ 10 ᠵᠣᠷᠪᠤᠰ ᠭᠠᠴᠠᠭ᠎ᠠ ᠲᠣᠰᠬᠤᠨ ᠤ ᠵᠠᠰᠠᠮᠠᠯ ᠵᠠᠮ ᠢ ᠰᠢᠨ᠎ᠡ ᠪᠠᠷ | ᠵᠠᠰᠠᠵᠦ᠂ 13 ᠭᠠᠴᠠᠭᠠᠨ ᠳᠤ ᠵᠠᠮ ᠨᠡᠪᠳᠡᠷᠡᠬᠦᠯᠪᠡ︔ ᠪᠥᠬᠦ ᠤᠷᠳᠤ ᠨᠢ 191.8 ᠺᠢᠯᠤᠮᠧᠲᠷ ᠪᠦᠬᠦᠢ 30 | ᠵᠣᠷᠪᠤᠰ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠵᠦ᠂ ᠮᠠᠯᠵᠢᠬᠤ ᠤᠷᠤᠨ ᠳᠤ ᠳᠦᠬᠦᠮ ᠳᠦᠳᠡ ᠵᠠᠮ | ᠨᠡᠪᠳᠡᠷᠡᠬᠦᠯᠬᠡ ᠶᠢᠨ ᠨᠦᠬᠦᠴᠡᠯ ᠢ ᠪᠦᠷᠢᠯᠳᠦᠬᠦᠯᠵᠠᠢ᠃ ᠪᠠᠶᠠᠩᠬᠤᠸᠠ ᠠᠵᠤ ᠦᠢᠯᠡᠳᠪᠦᠷᠢ ᠶᠢᠨ ᠲᠣᠭᠤᠷᠢᠭ ᠲᠤ | ᠬᠤᠶᠠᠳᠤᠭᠠᠷ ᠳᠡᠰ ᠤᠨ ᠠᠶᠠᠨᠴᠢᠳ ᠤᠨ ᠥᠷᠳᠡᠭᠡ ᠰᠢᠨ᠎ᠡ ᠪᠠᠷ ᠪᠠᠶᠢᠭᠤᠯᠵᠦ᠂ ᠤᠯᠠᠨ ᠳᠦᠮᠡᠨ ᠤ ᠶᠠᠪᠤᠵᠦ | ᠰᠠᠭᠤᠬᠤ ᠱᠠᠭᠠᠷᠳᠠᠯᠭ᠎ᠠ ᠶᠢ ᠬᠠᠩᠭᠠᠪᠠ᠃ 2015 ᠤᠨ ᠳᠤ ᠪᠦᠬᠦ ᠬᠤᠰᠢᠭᠤᠨ ᠤ ᠠᠶᠠᠨᠴᠢᠳ ᠢ | ᠵᠦᠬᠡᠬᠡᠪᠤᠷᠢᠯᠡᠭᠰᠡᠨ ᠬᠡᠮᠵᠢᠶ᠎ᠡ 1.7 ᠳ᠋ᠦᠩᠰᠢᠭᠤᠷ ᠬᠦᠮᠦᠨ ᠺᠢᠯᠤᠮᠧᠲᠷ ᠬᠦᠷᠴᠦ᠂ ᠪᠤᠳᠡᠰ ᠤᠨ ᠬᠦᠢᠯᠬᠡᠬᠡᠨ ᠤ | ᠬᠡᠮᠵᠢᠶ᠎ᠡ 114.7 ᠳ᠋ᠦᠩᠰᠢᠭᠤᠷ ᠲᠤᠨ ᠺᠢᠯᠤᠮᠧᠲᠷ ᠬᠦᠷᠴᠠᠢ᠃ ᠲᠡᠮᠦᠷ ᠵᠠᠮ ᠤᠨ ᠪᠥᠳᠦᠭᠡᠨ ᠪᠠᠶᠢᠭᠤᠯᠤᠯᠲᠠ ᠶᠢᠨ | ᠲᠠᠯ᠎ᠠ ᠪᠠᠷ ᠵᠢᠨᠵᠸᠤ ᠠᠴᠠ ᠪᠠᠶᠠᠩᠬᠤᠸᠠ ᠬᠦᠷᠬᠦ ᠲᠡᠮᠦᠷ ᠵᠠᠮ ᠢ ᠥᠷᠭᠡᠳᠬᠡᠨ ᠵᠠᠰᠠᠬᠤ ᠢᠨᠵᠧᠨᠧᠷᠢᠩ᠂ ᠢᠳᠠᠭᠤᠳᠤ | ᠠᠴᠠ ᠪᠠᠶᠠᠩᠬᠤᠸᠠ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠦᠬᠡᠷᠡᠴᠢᠯᠡᠬᠦ ᠢᠨᠵᠧᠨᠧᠷᠢᠩ ᠨᠢ ᠴᠦᠮ ᠠᠵᠢᠯ | ᠡᠬᠢᠯᠡᠬᠦ ᠨᠦᠬᠦᠴᠡᠯ ᠢ ᠪᠦᠷᠢᠯᠳᠦᠬᠦᠯᠵᠦ᠂ ᠵᠢᠷ ᠤᠨ ᠭᠤᠤᠯ ᠬᠤᠶᠠᠳᠤᠭᠠᠷ ᠵᠠᠳᠠᠭᠠᠢ ᠨᠡᠬᠦᠷᠡᠰᠦᠨ ᠠᠭᠤᠷᠬᠠᠢ ᠶᠢᠨ | ᠲᠡᠮᠦᠷ ᠵᠠᠮ ᠤᠨ ᠳᠤᠰᠬᠠᠢ ᠱᠤᠭᠤᠮ᠂ ᠬᠤᠸᠠ ᠷᠦᠨ ᠪᠦᠯᠦᠭᠯᠡᠯ ᠤᠨ ᠡᠣ ᠵᠢᠶᠠᠨ ᠹᠠᠩ ᠳᠠᠬᠢ ᠠᠭᠤᠷᠬᠠᠢ ᠶᠢᠨ | ᠪᠠᠷᠠᠭᠤᠨ ᠨᠢᠬᠡᠳᠦᠬᠡᠷ ᠬᠤᠳᠳᠤᠭ ᠤᠨ ᠲᠡᠮᠦᠷ ᠵᠠᠮ ᠤᠨ ᠳᠤᠰᠬᠠᠢ ᠱᠤᠭᠤᠮ᠂ ᠪᠠᠶ᠋ᠬᠠᠭᠤᠯᠠ ᠠᠴᠠ ᠵᠠᠭᠦᠨ ᠬᠠᠳᠠᠪᠴᠢ | ᠬᠦᠷᠬᠦ ᠲᠡᠮᠣᠷ ᠵᠠᠮ ᠤᠨ ᠳᠦᠷᠪᠡᠳᠤᠭᠡᠷ ᠬᠤᠭᠤᠴᠠᠭ᠎ᠠ ︵ ᠪᠠᠶ᠋ᠬᠠᠭᠤᠯᠠ ᠠᠴᠠ ᠪᠠᠶᠠᠩᠭᠤᠤᠯ ᠬᠦᠷᠬᠦ ᠭᠡᠰᠡᠭ︶᠂ | ᠪᠠᠶᠠᠩᠬᠤᠸᠠ ᠳᠠᠬᠢ ᠨᠠᠷᠢᠯᠢᠭᠵᠢᠭᠤᠯᠣᠭᠰᠠᠨ ᠬᠦᠩᠬᠡᠨ ᠴᠠᠭᠠᠨ ᠤ ᠬᠠᠪᠳᠠᠰᠣ ᠪᠤᠯᠪᠠᠰᠤᠷᠠᠭᠤᠯᠬᠤ ᠲᠡᠮᠦᠷ ᠵᠠᠮ ᠤᠨ | ᠳᠤᠰᠬᠠᠢ ᠱᠤᠭᠤᠮ ᠵᠠᠷᠭᠡ ᠵᠠᠮ ᠱᠤᠭᠤᠮ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠳᠦᠯᠬᠢᠨ | ᠠᠬᠢᠭᠤᠯᠵᠠᠢ᠃ ᠪᠠᠶ᠋ᠬᠠᠭᠤᠯᠠ ᠨᠢᠰᠭᠡᠯ ᠤᠨ ᠪᠠᠭᠤᠳᠠᠯ ᠤᠨ ᠪᠥᠲᠦᠭᠡᠨ ᠪᠠᠶᠢᠭᠤᠯᠤᠯᠲᠠ ᠶᠢᠨ ᠳᠦᠷᠦᠯ ᠵᠦᠢᠯ ᠢ | ᠳᠦᠯᠬᠢᠨ ᠠᠬᠢᠭᠤᠯᠵᠦ᠂ ᠤᠷᠢᠳᠤᠬᠢ ᠬᠤᠭᠤᠴᠠᠭᠠᠨ ᠤ ᠠᠵᠢᠯ ᠢ ᠳᠠᠰᠤᠷᠠᠯᠳᠠ ᠦᠬᠡᠢ ᠳᠦᠷᠬᠡᠳᠬᠡᠪᠡ᠃ ᠣᠰᠣᠨ | ᠠᠰᠢᠭᠯᠠᠯᠳᠠ ᠶᠢᠨ ᠪᠥᠳᠦᠭᠡᠨ ᠪᠠᠶᠢᠭᠤᠯᠤᠯᠲᠠ ᠶᠢᠨ ᠲᠠᠯ᠎ᠠ ᠪᠠᠷ ᠪᠠᠯᠭᠠᠷᠭᠤᠤᠯ ᠪᠠᠯᠭᠠᠰᠤᠨ ᠤ ᠪᠠᠷᠠᠭᠤᠨ ᠡᠮᠦᠨᠡᠬᠢ | ᠦᠶᠡᠷ ᠢ ᠰᠡᠷᠬᠡᠶᠢᠯᠡᠬᠦ ᠢᠨᠵᠧᠨᠧᠷᠢᠩ ᠢ ᠪᠡᠶᠡᠯᠡᠬᠦᠯᠵᠦ᠂ ᠭᠤᠷᠤᠬᠠᠨ ᠭᠤᠤᠯ ᠢ ᠵᠠᠰᠠᠬᠤ ᠢᠨᠵᠧᠨᠧᠷᠢᠩ ᠢ ᠠᠵᠢᠯ | ᠡᠬᠢᠯᠡᠬᠦᠯᠵᠠᠢ᠃ ᠴᠠᠬᠢᠯᠭᠠᠨ ᠲᠣᠣᠷ ᠤᠨ ᠪᠦᠳᠣᠬᠡᠨ ᠪᠠᠶᠢᠭᠤᠯᠣᠯᠳᠠ ᠶᠢᠨ ᠲᠠᠯ᠎ᠠ ᠪᠠᠷ ᠪᠤᠯᠠᠭ 500 ᠺᠢᠯᠤᠸᠣᠯᠲ | ᠪᠠ ᠪᠠᠶᠠᠨᠬᠤᠭᠤᠯᠠᠳᠣ ᠶᠢᠨ 35 ᠺᠢᠯᠤᠸᠣᠯᠲ ᠶᠢᠨ ᠬᠦᠴᠦᠳᠡᠯ ᠦᠬᠡᠷᠡᠴᠢᠯᠡᠬᠦ ᠢᠨᠵᠧᠨᠧᠷᠢᠩ ᠢ ᠳᠦᠷᠬᠡᠳᠬᠡᠵᠦ᠂ | 10 ᠺᠢᠯᠤᠸᠣᠯᠲ ᠶᠢᠨ ᠵᠠᠮ ᠱᠤᠭᠤᠮ 130 ᠺᠢᠯᠤᠮᠧᠲᠷ᠂ 0.2 ᠺᠢᠯᠤᠸᠣᠯᠲ ᠶᠢᠨ ᠵᠠᠮ ᠱᠤᠭᠤᠮ 46 ᠺᠢᠯᠤᠮᠧᠲᠷ | ᠢ ᠰᠢᠨ᠎ᠡ ᠪᠠᠷ ᠪᠠᠶᠢᠭᠤᠯᠵᠦ᠂ ᠴᠠᠬᠢᠯᠭᠠᠨ ᠬᠦᠴᠦᠨ ᠤ ᠪᠠᠳᠤᠯᠠᠭ᠎ᠠ ᠶᠢᠨ ᠬᠢᠷᠢ ᠳᠦᠪᠰᠢᠨ ᠢ ᠤᠯᠠᠮ ᠨᠢᠬᠡ ᠠᠯᠬᠤᠮ | ᠳᠡᠬᠡᠭᠰᠢᠯᠡᠬᠦᠯᠪᠡ᠃ | ︵ᠵᠢᠷᠭᠤᠭ᠎ᠠ︶ ᠲᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠠᠵᠢᠯ ᠵᠢᠴᠢ ᠤᠷᠴᠢᠨ ᠳᠤᠭᠤᠷᠢᠨ ᠢ | ᠬᠠᠮᠠᠭᠠᠯᠠᠬᠤ ᠠᠵᠢᠯ ᠢ ᠤᠯᠠᠮ ᠨᠢᠬᠡ ᠠᠯᠬᠤᠮ ᠴᠢᠩᠭᠠᠳᠬᠠᠪᠠ᠃ ᠨᠢᠬᠡᠳᠦᠬᠡᠷ ᠬᠤᠭᠤᠴᠠᠭᠠᠨ ᠤ ᠲᠠᠯ᠎ᠠ ᠨᠣᠳᠤᠭ ᠤᠨ | ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠵᠣᠬᠢᠴᠠᠮᠵᠢ ᠶᠢ ᠨᠠᠷᠢᠨ ᠬᠢᠨᠠᠮᠠᠭᠠᠢ ᠬᠡᠷᠡᠭᠵᠢᠬᠦᠯᠵᠣ᠂ 2015 ᠤᠨ ᠳᠤ | 1 ᠳ᠋ᠦᠩᠰᠢᠭᠤᠷ ᠳᠦᠬᠦᠷᠢᠭ ᠳᠠᠷᠬᠠᠭᠠᠪᠠ᠃ ᠬᠤᠶᠠᠳᠤᠭᠠᠷ ᠬᠤᠭᠤᠴᠠᠭᠠᠨ ᠤ ᠪᠡᠬᠡᠵᠢᠩ ᠲᠢᠶᠠᠨᠵᠢᠨ ᠤ ᠡᠯᠡᠰᠤᠨ ᠤ | ᠡᠬᠢ ᠶᠢ ᠵᠠᠰᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠠᠢ᠃ ︽ᠡᠪᠡᠰᠤᠨ ᠤ ᠦᠢᠯᠡᠰ ᠤᠨ ᠲᠦᠷᠦᠯ ᠵᠦᠢᠯ | ︾ ᠤᠨ ᠳᠤᠷᠰᠢᠯᠳᠠ ᠶᠢᠨ ᠴᠢᠭ ᠤᠨ ᠠᠵᠢᠯ ᠢ ᠠᠬᠢᠭᠤᠯᠵᠦ᠂ ᠡᠪᠡᠰᠤ ᠬᠠᠳᠤᠵᠦ ᠨᠦᠬᠡᠴᠡᠯᠡᠬᠦ ᠠᠵᠢᠯᠯᠠᠭ᠎ᠠ ᠶᠢ | ᠴᠢᠩᠭ᠎ᠠ ᠳᠦᠷᠢᠮᠵᠢᠬᠦᠯᠤᠨ᠂ ᠪᠠᠶᠢᠭᠠᠯᠢᠯᠢᠭ ᠨᠤᠳᠤᠭ ᠪᠡᠯᠴᠢᠬᠡᠷ ᠢ ᠡᠪᠳᠡᠯᠬᠡ ᠶᠢᠨ ᠴᠢᠨᠠᠷᠳᠠᠢ ᠡᠵᠡᠩᠨᠡᠬᠦ ᠶᠢ ᠡᠷᠡᠰ | ᠬᠤᠷᠢᠭᠯᠠᠪᠠ᠃ ᠡᠬᠦᠨ ᠤ ᠬᠠᠮᠳᠤ ᠮᠠᠯ ᠪᠡᠯᠴᠢᠬᠡᠷ ᠤᠨ ᠳᠡᠩᠴᠡᠬᠦᠷᠢ ᠶᠢ ᠪᠠᠳᠤᠯᠠᠬᠤ ᠳᠦᠷᠢᠮ ᠢ ᠦᠷᠬᠦᠯᠵᠢᠯᠡᠨ | ᠬᠡᠷᠡᠭᠵᠢᠬᠦᠯᠵᠠᠢ᠃ ᠨᠣᠳᠤᠭ ᠪᠡᠯᠴᠢᠬᠡᠷ ᠤᠨ ᠲᠠᠭᠠᠭᠠᠴᠢᠯᠠᠯᠳᠠ ᠶᠢᠨ ᠡᠷᠬᠡ ᠶᠢ ᠳᠤᠳᠤᠷᠬᠠᠶᠢᠯᠠᠬᠤ ᠠᠵᠢᠯ ᠢ ᠳᠦᠯᠬᠢᠨ | ᠠᠬᠢᠭᠤᠯᠵᠦ᠂ 65 ᠭᠠᠴᠠᠭᠠᠨ ᠤ ᠬᠡᠬᠡᠷ᠎ᠡ ᠭᠠᠳᠠᠭ᠎ᠠ ᠴᠢᠭ ᠳᠤᠭᠳᠠᠭᠠᠬᠤ ᠠᠵᠢᠯ ᠢ ᠪᠡᠶᠡᠯᠡᠬᠦᠯᠦᠨ᠂ 70 ᠭᠠᠴᠠᠭᠠᠨ | ᠤ ᠮᠠᠯᠴᠢᠨ ᠡᠷᠦᠬᠡ ᠶᠢᠨ ᠦᠨᠳᠦᠰᠦᠨ ᠮᠡᠳᠡᠭᠡ ᠵᠠᠩᠬᠢ ᠶᠢ ᠺᠤᠮᠫᠢᠤᠲ᠋ᠧᠷ ᠲᠤ ᠤᠷᠤᠭᠤᠯᠬᠤ ᠠᠵᠢᠯ ᠢ ᠪᠡᠶᠡᠯᠡᠬᠦᠯᠵᠦ᠂ | ᠪᠦᠬᠦ ᠡᠬᠦᠷᠬᠡ ᠶᠢᠨ ᠢᠶᠠᠨ 75% ᠶᠢ ᠪᠡᠶᠡᠯᠡᠬᠦᠯᠵᠠᠢ᠃ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠢ | ᠳᠠᠰᠤᠷᠠᠯᠳᠠ ᠦᠬᠡᠢ ᠴᠢᠩᠭᠠᠳᠬᠠᠵᠦ᠂ ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ ᠤᠨ ᠠᠭᠠᠷ ᠮᠠᠨᠳᠠᠯ ᠢ | ᠬᠢᠨᠠᠨ ᠬᠡᠮᠵᠢᠬᠦ ᠦᠷᠳᠡᠬᠡᠨ ᠤ ᠪᠦᠳᠦᠬᠡᠨ ᠪᠠᠶᠢᠭᠤᠯᠤᠯᠳᠠ ᠶᠢᠨ ᠠᠵᠢᠯ ᠢ ᠠᠬᠢᠭᠤᠯᠪᠠ᠃ 109.7 ᠡᠾᠧᠺᠲᠷ | ᠳᠡᠯᠠᠪᠠᠢ ᠪᠦᠬᠦᠢ ᠤᠷᠬᠢᠭᠳᠠᠨ ᠬᠠᠶᠠᠭᠳᠠᠭᠰᠠᠨ ᠰᠠᠭᠤᠭᠠᠯᠢ ᠳᠤᠭᠤᠷᠢᠭ ᠪᠠ ᠠᠭᠤᠷᠬᠠᠢ ᠶᠢᠨ ᠲᠠᠯᠠᠪᠠᠢ ᠶᠢ ᠰᠡᠷᠬᠦᠬᠡᠨ | ᠨᠤᠭᠤᠭᠠᠷᠠᠭᠤᠯᠵᠦ ᠠᠰᠢᠭᠯᠠᠵᠠᠢ᠃ ︽ᠭᠤᠷᠪᠠᠨ ᠤᠷᠤᠨ ᠬᠤᠶᠠᠷ ᠱᠤᠭᠤᠮ︾ ᠤᠨ ᠵᠠᠰᠠᠨ ᠴᠡᠭᠴᠡᠯᠡᠬᠦ ᠢᠨᠵᠧᠨᠧᠷᠢᠩ | ᠢ ᠦᠷᠨᠢᠬᠦᠯᠵᠦ᠂ 9200 ᠭᠠᠷᠤᠢ ᠳᠦᠮᠡᠨ ᠳᠦᠬᠦᠷᠢᠭ ᠤᠨ ᠪᠡᠯᠡ ᠮᠦᠩᠬᠦ ᠵᠠᠷᠤᠴᠠᠭᠤᠯᠤᠨ᠂ 880.4 ᠡᠾᠧᠺᠲᠷ | ᠳᠠᠯᠠᠪᠠᠢ ᠪᠦᠬᠦᠢ 286 ᠭᠠᠵᠠᠷ ᠢ ᠵᠠᠰᠠᠨ ᠴᠡᠭᠴᠡᠯᠡᠭᠰᠡᠨ ᠪᠠᠶᠢᠨ᠎ᠠ᠃ | ︵ᠲᠣᠯᠤᠭ᠎ᠠ︶ ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠬᠢᠷᠢ ᠲᠦᠪᠰᠢᠨ ᠢ ᠣᠯᠠᠮ ᠨᠢᠬᠡ ᠠᠯᠬᠤᠮ | ᠲᠡᠭᠡᠭᠰᠢᠯᠡᠬᠦᠯᠪᠡ᠃ 2015 ᠣᠨ ᠳᠤ ᠪᠦᠬᠦ ᠬᠤᠰᠢᠭᠤᠨ ᠤ ᠠᠷᠠᠳ ᠤᠨ ᠠᠮᠢᠳᠣᠷᠠᠯ ᠪᠠ ᠨᠡᠶᠢᠬᠡᠮ ᠤᠨ ᠠᠵᠢᠯ | ᠦᠢᠯᠡᠰ ᠲᠤ 15.3 ᠳ᠋ᠦᠩᠰᠢᠭᠤᠷ ᠲᠦᠭᠦᠷᠢᠭ ᠵᠠᠷᠣᠴᠠᠭᠤᠯᠵᠣ᠂ ᠤᠯᠠᠨ ᠨᠡᠶᠢᠳᠠ ᠶᠢᠨ ᠡᠳ᠋ ᠤᠨ ᠵᠠᠰᠠᠭ ᠤᠨ | ᠵᠠᠷᠣᠯᠭ᠎ᠠ ᠶᠢᠨ 81.2 % ᠢ ᠡᠵᠡᠯᠡᠵᠣ᠂ 10.2% ᠪᠠᠷ ᠦᠰᠪᠡ᠃ ᠰᠣᠷᠭᠠᠨ ᠬᠦᠮᠦᠵᠢᠯ ᠲᠧᠭᠨᠢᠭ ᠮᠡᠷᠬᠡᠵᠢᠯ | ᠤᠨ ᠠᠵᠢᠯ ᠤᠨ ᠲᠠᠯ᠎ᠠ ᠳᠤ ᠪᠦᠬᠦ ᠠᠶᠢᠮᠠᠭ ᠤᠨ ᠰᠣᠷᠭᠠᠨ ᠬᠦᠮᠦᠵᠢᠯ ᠤᠨ ᠶᠠᠰᠣ ᠴᠢᠨᠠᠷ ᠢ ᠲᠡᠭᠡᠭᠰᠢᠯᠡᠬᠦᠯᠬᠦ ᠭᠤᠷᠪᠠᠨ | ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ ᠶᠢᠨ ᠬᠠᠮᠳᠤ ᠪᠦᠬᠦ ᠬᠤᠰᠢᠭᠤᠨ ᠤ ᠰᠣᠷᠭᠠᠨ | ᠬᠦᠮᠦᠵᠢᠯ ᠤᠨ ᠶᠠᠰᠣ ᠴᠢᠨᠠᠷ ᠢ ᠲᠡᠭᠡᠭᠰᠢᠯᠡᠬᠦᠯᠬᠦ ᠲᠠᠪᠣᠨ ᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠬᠡᠷᠡᠭᠵᠢᠬᠦᠯᠦᠨ | ᠂ ᠪᠠᠭᠰᠢ ᠶᠢᠨ ᠡᠩᠨᠡᠬᠡᠨ ᠤ ᠴᠣᠭᠴᠠᠯᠠᠯᠳᠠ ᠶᠢᠨ ᠬᠤᠶᠠᠳᠣᠭᠠᠷ ᠲᠠᠪᠣᠨ ᠵᠢᠯ ᠤᠨ ᠲᠦᠯᠦᠪᠵᠢᠬᠦᠯᠬᠡ ᠶᠢ ᠡᠬᠢᠯᠡᠬᠦᠯᠵᠣ᠂ | ᠵᠢᠭᠠᠨ ᠰᠣᠷᠭᠠᠯᠳᠠ ᠶᠢᠨ ᠬᠢᠷᠢ ᠲᠦᠪᠰᠢᠨ ᠢ ᠲᠣᠭᠳᠠᠭᠤᠨ ᠢᠶᠠᠷ ᠲᠡᠭᠡᠭᠰᠢᠯᠡᠬᠦᠯᠦᠭᠰᠡᠨ ᠠᠴᠠ 2015 ᠣᠨ ᠳᠤ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠ ᠠᠴᠠ ᠲᠠᠪᠣᠨ ᠨᠠᠰᠣᠨ ᠤ ᠬᠡᠣᠬᠡᠳ ᠤᠨ | ᠴᠡᠴᠡᠷᠯᠢᠭ ᠲᠤ ᠤᠷᠤᠭᠰᠠᠨ ᠨᠤᠷᠮ᠎ᠠ 81.9% ᠳᠤ ᠬᠦᠷᠴᠦ᠂ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ | ᠰᠤᠷᠭᠠᠭᠤᠯᠢ ᠨᠢ ᠪᠦᠬᠦ ᠠᠶᠢᠮᠠᠭ ᠤᠨ ᠦᠨᠳᠦᠰᠦᠳᠡᠨ ᠤ ᠰᠢᠯᠢᠳᠡᠭ ᠰᠤᠷᠭᠠᠭᠤᠯᠢ ᠪᠤᠯᠪᠠ᠃ ᠪᠦᠬᠦ ᠬᠤᠰᠢᠭᠤᠨ ᠤ | ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠲᠡᠪᠰᠢᠭᠰᠡᠨ ᠨᠣᠷᠮ᠎ᠠ 59.3% ᠳᠤ ᠬᠦᠷᠴᠣ᠂ 26.6 ᠵᠠᠭᠤᠨ ᠤ | ᠴᠢᠭ ᠲᠡᠭᠡᠭᠰᠢᠯᠡᠵᠡᠢ᠃ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠬᠡᠨ ᠤ ᠠᠵᠢᠯ ᠢ ᠠᠬᠢᠭᠤᠯᠣᠭᠰᠠᠨ ᠠᠴᠠ ᠡᠯ᠎ᠡ | ᠲᠦᠷᠦᠯ ᠤᠨ ᠣᠷᠣᠯᠳᠣᠭᠠᠨ ᠲᠡᠮᠡᠴᠡᠬᠡᠨ ᠳᠤ ᠰᠢᠯᠢᠳᠡᠭ ᠬᠢᠷᠢ ᠪᠦᠳᠣᠮᠵᠢ ᠣᠯᠪᠠ᠃ ᠦᠢᠯᠡᠰ ᠪᠤᠰᠬᠠᠵᠦ ᠠᠵᠢᠯ | ᠣᠯᠭᠤᠬᠤ ᠠᠵᠢᠯ ᠤᠨ ᠲᠠᠯ᠎ᠠ ᠳᠤ ︽ᠣᠯᠠᠨ ᠲᠠᠶᠠᠭᠠᠷ ᠦᠢᠯᠡᠰ ᠪᠣᠰᠬᠠᠵᠣ᠂ ᠣᠯᠠᠨ ᠲᠦᠮᠡᠨ ᠢᠶᠠᠷ ᠰᠢᠨ᠎ᠡ ᠶᠢ | ᠡᠬᠦᠳᠬᠦ︾ ᠶᠢ ᠠᠬᠢᠭᠤᠯᠵᠣ᠂ ᠣᠷᠣᠨ ᠤ ᠲᠡᠰ ᠤᠨ ᠦᠢᠯᠡᠰ ᠪᠣᠰᠬᠠᠬᠤ ᠬᠡᠯᠪᠡᠷᠢ ᠶᠢᠨ ᠬᠤᠰᠢᠭᠤ ᠶᠢ ᠠᠮᠵᠢᠯᠳᠠᠳᠠᠢ | ᠪᠠᠶᠢᠭᠤᠯᠪᠠ᠃ ᠰᠢᠨ᠎ᠡ ᠶᠢ ᠡᠬᠦᠳᠣᠨ ᠦᠢᠯᠡᠰ ᠪᠣᠰᠬᠠᠬᠤ ᠰᠠᠭᠤᠷᠢᠨ ᠭᠠᠵᠠᠷ ᠤᠨ ᠪᠦᠳᠣᠬᠡᠨ ᠪᠠᠶᠢᠭᠤᠯᠣᠯᠳᠠ ᠲᠠᠢ | ᠣᠶᠠᠯᠳᠣᠭᠤᠯᠣᠨ᠂ ︽ᠢᠨᠲ᠋ᠧᠷ ᠰᠦᠯᠵᠢᠶ᠎ᠡ + ᠡᠯᠧᠺᠲᠷᠤᠨ ᠬᠤᠳᠠᠯᠳᠤᠭᠠᠨ ᠤ ᠦᠢᠯᠡᠴᠢᠯᠡᠬᠡᠨ ᠤ ᠳᠠᠪᠴᠠᠩ︾ ᠢ | ᠰᠢᠨ᠎ᠡ ᠪᠠᠷ ᠪᠠᠶᠢᠭᠤᠯᠵᠣ᠂ ᠣᠯᠠᠮᠵᠢᠯᠠᠯᠳᠣ ᠦᠢᠯᠡᠰ ᠪᠣᠰᠬᠠᠬᠤ ᠠᠵᠣ ᠠᠬᠤᠶᠢᠯᠠᠯ ᠪᠣᠯᠣᠨ ᠢᠨᠲ᠋ᠧᠷ ᠰᠦᠯᠵᠢᠶᠡᠨ | ᠠᠵᠣ ᠠᠬᠤᠶᠢᠯᠠᠯ ᠤᠨ ᠬᠠᠷᠢᠯᠴᠠᠨ ᠣᠶᠠᠯᠳᠣᠬᠤ ᠶᠢ ᠠᠬᠢᠭᠤᠯᠪᠠ᠃ ᠠᠵᠢᠯ ᠣᠯᠭᠤᠵᠣ ᠦᠢᠯᠡᠰ ᠪᠣᠰᠬᠠᠬᠤ | ᠵᠢᠯᠣᠭᠤᠳᠬᠤ ᠲᠦᠪ ᠢ ᠪᠠᠶᠢᠭᠤᠯᠵᠣ᠂ ᠠᠵᠢᠯ ᠣᠯᠭᠤᠵᠣ ᠦᠢᠯᠡᠰ ᠪᠣᠰᠬᠠᠬᠤ ᠠᠵᠢᠯ ᠢ ᠲᠣᠭᠳᠠᠭᠤᠨ ᠢᠶᠠᠷ | ᠲᠡᠭᠡᠭᠰᠢᠯᠡᠬᠦᠯᠪᠠ᠃ 2015 ᠣᠨ ᠳᠤ ᠪᠦᠬᠦ ᠬᠤᠰᠢᠭᠤᠨ ᠤ ᠬᠡᠪᠴᠢᠶᠡᠨ ᠳᠤ 4311 ᠲᠦᠮᠡᠨ ᠲᠦᠭᠦᠷᠢᠭ ᠤᠨ | ᠪᠠᠭ᠎ᠠ ᠬᠡᠮᠵᠢᠶᠡᠨ ᠤ ᠪᠠᠳᠤᠯᠠᠭᠠᠳᠤ ᠵᠢᠬᠡᠯᠡᠯᠬᠡ ᠲᠠᠯᠪᠢᠵᠠᠢ︔ 8010 ᠠᠵᠢᠯ ᠤᠨ ᠪᠠᠶᠢᠷᠢ ᠴᠣᠭᠯᠠᠭᠤᠯᠵᠣ᠂ 6.5% | ᠪᠠᠷ ᠨᠡᠮᠡᠭᠳᠡᠵᠣ᠂ ᠬᠤᠳᠠ ᠪᠠᠯᠭᠠᠰᠤᠨ ᠤ 1841 ᠬᠦᠮᠦᠨ ᠪᠠ 1003 ᠨᠡᠷᠡᠰ ᠬᠤᠳᠠ ᠤᠷᠤᠭᠰᠠᠨ ᠮᠠᠯᠴᠢᠳ ᠲᠤ | ᠠᠵᠢᠯ ᠤᠨ ᠪᠠᠶᠢᠷᠢ ᠬᠠᠩᠭᠠᠵᠣ᠂ ᠠᠵᠢᠯ ᠠᠯᠳᠠᠯᠳᠠ ᠶᠢᠨ ᠨᠣᠷᠮ᠎ᠠ ᠶᠢ 3.3% ᠤᠨ ᠲᠣᠳᠣᠷ᠎ᠠ ᠬᠢᠵᠠᠭᠠᠷᠯᠠᠭᠰᠠᠨ | ᠪᠠᠶᠢᠨ᠎ᠠ᠃ ᠨᠡᠶᠢᠬᠡᠮ ᠤᠨ ᠪᠠᠳᠣᠯᠠᠭ᠎ᠠ ᠶᠢᠨ ᠠᠵᠢᠯ ᠤᠨ ᠲᠠᠯ᠎ᠠ ᠳᠤ ᠬᠤᠳᠠ ᠬᠦᠳᠡᠬᠡᠨ ᠤ ᠲᠣᠰᠠᠯᠠᠮᠵᠢ ᠶᠢᠨ ᠠᠵᠢᠯ ᠢ | ᠴᠢᠩᠭᠠᠳᠬᠠᠵᠣ᠂ ᠬᠤᠳᠠ ᠪᠠᠯᠭᠠᠰᠣᠨ ᠤ ᠲᠣᠣᠷ᠎ᠠ ᠪᠠᠳᠣᠯᠠᠭ᠎ᠠ ᠶᠢᠨ ᠨᠦᠬᠦᠪᠦᠷᠢᠯᠡᠬᠦ ᠪᠠᠷᠢᠮᠵᠢᠶ᠎ᠠ ᠶᠢ | ᠳᠡᠬᠡᠭᠰᠢᠯᠡᠬᠦᠯᠦᠬᠡᠳ ᠬᠦᠮᠦᠨ ᠪᠦᠷᠢ ᠳᠤ ᠳᠤᠮᠳᠠᠴᠢ ᠪᠠᠷ ᠵᠢᠯ ᠪᠤᠯᠭᠠᠨ 5172 ᠲᠦᠬᠦᠷᠢᠭ ᠪᠤᠯᠭᠠᠵᠦ᠂ ᠮᠠᠯᠵᠢᠬᠤ | ᠣᠷᠣᠨ ᠤ ᠨᠦᠬᠦᠪᠦᠷᠢᠯᠡᠬᠦ ᠪᠠᠷᠢᠮᠵᠢᠶ᠎ᠠ ᠶᠢ ᠳᠡᠬᠡᠭᠰᠢᠯᠡᠬᠦᠯᠦᠬᠡᠳ ᠬᠦᠮᠦᠨ ᠪᠦᠷᠢ ᠳᠤ ᠳᠤᠮᠳᠠᠴᠢ ᠪᠠᠷ ᠵᠢᠯ ᠪᠤᠯᠭᠠᠨ | 3380 ᠲᠦᠬᠦᠷᠢᠭ ᠪᠤᠯᠭᠠᠨ᠂ ᠬᠤᠳᠠ ᠬᠦᠳᠡᠬᠡᠨ ᠤ ᠲᠣᠣᠷ᠎ᠠ ᠵᠠᠬ᠎ᠠ ᠶᠢᠨ ᠠᠮᠢᠳᠤᠷᠠᠯ ᠤᠨ ᠪᠠᠳᠣᠯᠠᠭ᠎ᠠ ᠶᠢᠨ ᠮᠦᠩᠬᠦ | 3349 ᠲᠦᠮᠡᠨ ᠲᠦᠭᠦᠷᠢᠭ ᠲᠠᠷᠬᠠᠭᠠᠵᠠᠢ᠃ ᠨᠡᠶᠢᠬᠡᠮ ᠤᠨ ᠳᠠᠭᠠᠳᠬᠠᠯ ᠤᠨ ᠨᠦᠬᠦᠪᠦᠷᠢ ᠶᠢ ᠢᠳᠡᠪᠬᠢᠳᠡᠢ ᠦᠭᠴᠦ᠂ | ᠪᠦᠬᠦ ᠬᠤᠰᠢᠭᠤᠨ ᠤ 4785 ᠨᠡᠷᠡᠰ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠨ ᠬᠦᠮᠦᠰ ᠤᠨ ᠨᠠᠰᠤᠵᠢᠯ | ᠤᠨ ᠳᠠᠭᠠᠳᠬᠠᠯ ᠢ ᠰᠠᠷ᠎ᠠ ᠪᠦᠷᠢ ᠬᠦᠮᠦᠨ ᠪᠤᠯᠭᠠᠨ ᠳᠡᠭᠰᠢᠳᠬᠡᠬᠡᠳ 201 ᠳᠦᠬᠦᠷᠢᠭ ᠨᠡᠮᠡᠭᠳᠡᠬᠦᠯᠪᠡ᠃ 1400 | ᠳᠦᠮᠡᠨ ᠳᠦᠬᠦᠷᠢᠭ ᠵᠠᠷᠤᠴᠠᠭᠤᠯᠤᠨ᠂ ᠮᠠᠨ ᠤ ᠬᠤᠰᠢᠭᠤᠨ ᠤ ᠬᠠᠤᠯᠢ ᠪᠠᠷ ᠳᠤᠭᠳᠠᠭᠠᠭᠰᠠᠨ ᠠᠵᠢᠯ ᠠᠴᠠ ᠪᠠᠨ | ᠠᠮᠠᠷᠠᠬᠤ ᠨᠠᠰᠣᠨ ᠠᠴᠠ 10 ᠵᠢᠯ ᠬᠦᠷᠬᠦ ᠦᠬᠡᠢ ᠤᠯᠤᠰ ᠤᠨ ᠠᠵᠤ ᠠᠬᠤᠶᠢᠯᠠᠯ ᠪᠤᠯᠤᠨ ᠬᠠᠮᠳᠤ ᠶᠢᠨ ᠠᠵᠤ | ᠠᠬᠤᠶᠢᠯᠠᠯ ᠠᠴᠠ ᠠᠵᠢᠯ ᠠᠯᠳᠠᠭᠰᠠᠨ ᠠᠵᠢᠯᠳᠠᠨ ᠳᠤ ᠨᠡᠶᠢᠬᠡᠮ ᠤᠨ ᠳᠠᠭᠠᠳᠬᠠᠯ ᠤᠨ ᠨᠦᠬᠦᠪᠦᠷᠢ ᠶᠢ ᠦᠷᠬᠦᠯᠵᠢᠯᠡᠨ | ᠤᠯᠭᠤᠵᠠᠢ᠃ ᠬᠤᠳᠠ ᠪᠠᠯᠭᠠᠰᠤᠨ ᠤ ᠠᠵᠢᠯᠳᠠᠳ ᠤᠨ ᠦᠨᠳᠦᠰᠦᠨ ᠡᠮᠴᠢᠯᠡᠬᠡᠨ ᠤ ᠳᠠᠭᠠᠳᠬᠠᠯ ᠤᠨ ᠬᠦᠷᠳᠡᠮᠵᠢ | ᠶᠢᠨ ᠬᠢᠷᠢ ᠳᠦᠪᠰᠢᠨ ᠳᠤ ᠳᠠᠬᠢᠨ ᠳᠤᠬᠢᠷᠠᠭᠤᠯᠤᠯᠳᠠ ᠬᠢᠵᠦ᠂ ᠴᠠᠶᠢᠷᠠᠭᠤᠯᠬᠤ ᠬᠠᠷᠢᠴᠠᠯ ᠢ 3% ᠪᠠᠷ | ᠳᠡᠬᠡᠭᠰᠢᠯᠡᠬᠦᠯᠵᠠᠢ᠃ ᠣᠷᠣᠨ ᠰᠠᠭᠤᠴᠠ ᠶᠢᠨ ᠪᠠᠳᠣᠯᠠᠭ᠎ᠠ ᠶᠢᠨ ᠴᠢᠳᠠᠪᠦᠷᠢ ᠲᠣᠭᠳᠠᠭᠤᠨ ᠢᠶᠠᠷ ᠲᠡᠭᠡᠭᠰᠢᠯᠡᠵᠣ᠂ 6.5 | ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ 1078 ᠢᠵᠢ ᠪᠠᠳᠣᠯᠠᠭ᠎ᠠ ᠶᠢᠨ ᠴᠢᠨᠠᠷᠳᠠᠢ ᠣᠷᠣᠨ | ᠰᠠᠭᠤᠴᠠ ᠶᠢ ᠦᠷᠬᠦᠯᠵᠢᠯᠡᠨ ᠪᠠᠶᠢᠭᠤᠯᠪᠠ᠃ ᠡᠬᠦᠨ ᠤ ᠬᠠᠮᠳᠤ ᠬᠢᠮᠳᠠ ᠳᠦᠷᠢᠶᠡᠰᠦᠨ ᠣᠷᠣᠨ ᠰᠠᠭᠤᠴᠠ ᠶᠢᠨ | ᠨᠦᠬᠦᠪᠦᠷᠢ 46.6 ᠲᠦᠮᠡᠨ ᠲᠦᠭᠦᠷᠢᠭ ᠲᠠᠷᠬᠠᠭᠠᠵᠠᠢ᠃ ᠮᠠᠯᠵᠢᠬᠤ ᠣᠷᠣᠨ ᠤ ᠨᠠᠰᠣᠳᠠᠨ ᠢ ᠠᠰᠠᠷᠠᠬᠤ | ᠢᠨᠵᠧᠨᠧᠷᠢᠩ ᠤᠨ ᠪᠠᠶᠢᠭᠤᠯᠣᠯᠳᠠ ᠶᠢ ᠳᠡᠮᠵᠢᠵᠦ᠂ ︽ᠪᠠᠶᠠᠰᠣᠯ︾ ᠮᠠᠯᠵᠢᠬᠤ ᠣᠷᠣᠨ ᠤ ᠨᠠᠰᠣᠳᠠᠨ ᠢ ᠠᠰᠠᠷᠠᠬᠤ | ᠬᠦᠷᠢᠶᠡᠯᠡᠩ ᠠᠰᠢᠭᠯᠠᠯᠳᠠ ᠳᠤ ᠣᠷᠣᠵᠣ᠂ ᠤᠳᠤᠬᠠᠨ 225 ᠮᠠᠯᠴᠢᠨ ᠡᠷᠣᠬᠡ ᠨᠡᠬᠦᠨ ᠤᠷᠤᠭᠰᠠᠨ ᠪᠠᠶᠢᠨ᠎ᠠ᠃ ︽ | ᠠᠵᠠᠳᠠᠢ︾ ᠪᠡᠶ᠎ᠡ ᠰᠤᠪᠢᠯᠠᠬᠤ ᠬᠦᠷᠢᠶᠡᠯᠡᠩ ᠤᠨ ᠪᠠᠶᠢᠭᠤᠯᠣᠯᠳᠠ ᠶᠢ ᠲᠣᠭᠳᠠᠭᠤᠨ ᠢᠶᠠᠷ ᠠᠬᠢᠭᠤᠯᠵᠣ᠂ ᠡᠷᠡᠬᠦᠯᠵᠢᠯ | ᠤᠨ ᠲᠦᠪ ᠪᠠ ᠨᠠᠰᠤᠳᠠᠶᠢᠴᠤᠳ ᠤᠨ ᠪᠠᠶᠢᠷᠢ ᠶᠢᠨ ᠠᠰᠠᠷ ᠨᠢ ᠠᠰᠢᠭᠯᠠᠯᠳᠠ ᠳᠤ ᠣᠷᠣᠬᠤ ᠨᠦᠬᠦᠴᠡᠯ ᠳᠤ | ᠨᠡᠶᠢᠴᠡᠵᠡᠢ᠃ ᠬᠤᠰᠢᠭᠤ ᠨᠠᠰᠣᠳᠠᠶᠢᠴᠣᠳ ᠤᠨ ᠬᠦᠳᠡᠯᠬᠡᠬᠡᠨ ᠤ ᠲᠦᠪ ᠠᠰᠢᠭᠯᠠᠯᠳᠠ ᠳᠤ ᠣᠷᠣᠵᠣ᠂ ᠦᠷᠬᠡᠨ | ᠣᠯᠠᠨ ᠨᠠᠰᠣᠳᠠᠶᠢᠴᠣᠳ ᠤᠨ ᠬᠦᠳᠡᠯᠬᠡᠬᠡᠨ ᠦᠷᠨᠢᠬᠦᠯᠬᠦ ᠳᠤ ᠲᠦᠭᠦᠮ ᠨᠦᠬᠦᠴᠡᠯ ᠢ ᠬᠠᠩᠭᠠᠭᠰᠠᠨ ᠪᠠᠶᠢᠨ᠎ᠠ᠃ ᠰᠢᠨ᠎ᠡ | ᠪᠠᠷ ᠪᠠᠶᠢᠭᠤᠯᠣᠭᠰᠠᠨ ᠣᠷᠣᠰᠢᠭᠤᠯᠭ᠎ᠠ ᠶᠢᠨ ᠭᠠᠵᠠᠷ ᠪᠠ ᠨᠡᠶᠢᠳᠠ ᠶᠢᠨ ᠣᠩᠭᠤᠨ ᠤ ᠭᠠᠵᠠᠷ ᠨᠢᠬᠡᠨᠳᠠ ᠠᠰᠢᠭᠯᠠᠯᠳᠠ | ᠳᠤ ᠣᠷᠣᠵᠠᠢ᠃ ᠠᠯᠪᠠᠨ ᠪᠠᠶᠢᠭᠤᠯᠣᠯᠭ᠎ᠠ ᠪᠠ ᠠᠵᠢᠯ ᠦᠢᠯᠡᠰ ᠤᠨ ᠪᠠᠶᠢᠭᠤᠯᠣᠯᠭ᠎ᠠ ᠨᠢᠬᠡᠴᠡ ᠶᠢᠨ ᠠᠵᠢᠯᠳᠠᠨ ᠤ | ᠴᠠᠯᠢᠩ ᠣᠯᠭᠤᠮᠵᠢ ᠶᠢ ᠵᠣᠬᠢᠴᠠᠭᠤᠯᠬᠤ ᠠᠵᠢᠯ ᠢ ᠨᠢᠬᠡᠨᠳᠠ ᠪᠡᠶᠡᠯᠡᠬᠦᠯᠵᠣ᠂ ᠠᠵᠢᠯᠳᠠᠨ ᠤ ᠴᠠᠯᠢᠩ ᠲᠠᠢ ᠪᠠᠷ | ᠠᠮᠠᠷᠠᠬᠤ ᠲᠦᠷᠢᠮ ᠢ ᠬᠡᠷᠡᠭᠵᠢᠬᠦᠯᠦᠨ᠂ ᠠᠵᠢᠯᠳᠠᠨ ᠤ ᠠᠯᠪᠠᠨ ᠲᠣᠰᠢᠶᠠᠯ ᠪᠠ ᠲᠣᠰᠢᠶᠠᠯ ᠤᠨ ᠲᠡᠰ ᠢ ᠵᠡᠷᠬᠡᠪᠡᠷ | ᠬᠡᠷᠡᠭᠵᠢᠬᠦᠯᠬᠦ ᠪᠠ ᠰᠣᠮᠣ ᠪᠠᠯᠭᠠᠰᠣᠨ ᠤ ᠠᠯᠪᠠᠨ ᠪᠠᠶᠢᠭᠤᠯᠣᠯᠭ᠎ᠠ ᠶᠢᠨ ᠠᠵᠢᠯᠳᠠᠨ ᠳᠤ ᠨᠦᠬᠦᠪᠦᠷᠢ ᠣᠯᠭᠤᠬᠤ ᠠᠵᠢᠯ | ᠢ ᠠᠮᠵᠢᠯᠳᠠᠳᠠᠢ ᠪᠡᠶᠡᠯᠡᠬᠦᠯᠪᠡ᠃ ᠡᠮᠴᠢᠯᠡᠬᠡᠨ ᠤ ᠪᠠᠳᠣᠯᠠᠭ᠎ᠠ ᠶᠢᠨ ᠠᠵᠢᠯ ᠤᠨ ᠲᠠᠯ᠎ᠠ ᠳᠤ ᠡᠮ ᠡᠮᠨᠡᠯᠬᠡ ᠡᠷᠡᠬᠦᠯ | ᠬᠠᠮᠠᠭᠠᠯᠠᠯ ᠤᠨ ᠦᠢᠯᠡᠴᠢᠯᠡᠬᠡᠨ ᠤ ᠴᠢᠨᠠᠷ ᠴᠢᠨᠰᠠᠭ᠎ᠠ ᠪᠠ ᠦᠢᠯᠡᠴᠢᠯᠡᠬᠡᠨ ᠤ ᠴᠢᠳᠠᠪᠤᠷᠢ ᠶᠢ ᠳᠡᠬᠡᠭᠰᠢᠯᠡᠬᠦᠯᠬᠦ ᠭᠤᠷᠪᠠᠨ | ᠵᠢᠯ ᠤᠨ ᠠᠵᠢᠯᠯᠠᠭᠠᠨ ᠤ ᠳᠦᠯᠦᠪᠵᠢᠬᠦᠯᠬᠡ ᠶᠢ ᠡᠬᠢᠯᠡᠬᠦᠯᠵᠦ᠂ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ | ᠤ ᠦᠬᠡᠷᠡᠴᠢᠯᠡᠯᠳᠠ ᠶᠢᠨ ᠱᠠᠳᠤᠴᠢ ᠴᠢᠨᠠᠷᠳᠠᠢ ᠬᠠᠷᠠᠯᠳᠠ ᠶᠢ ᠪᠡᠶᠡᠯᠡᠬᠦᠯᠤᠨ᠂ ᠬᠤᠰᠢᠭᠤ ᠠᠷᠠᠳ ᠤᠨ ᠡᠮᠨᠡᠯᠬᠡ ᠶᠢᠨ | ᠬᠤᠷᠢᠶ᠎ᠠ᠂ ᠮᠤᠩᠭᠤᠯ ᠡᠮᠨᠡᠯᠬᠡ ᠶᠢᠨ ᠬᠤᠷᠢᠶ᠎ᠠ᠂ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠨᠢ ᠡᠮ ᠤᠨ ᠵᠦᠢᠯ | ᠳᠤ ᠦᠷᠳᠡᠭ ᠨᠡᠮᠡᠷᠢᠯᠡᠬᠦ ᠶᠢ ᠪᠦᠬᠦᠨ ᠢ ᠦᠬᠡᠶᠢᠰᠬᠡᠨ᠂ ᠡᠮ ᠤᠨ ᠵᠦᠢᠯᠡᠰ ᠢ ᠤᠷᠤᠭᠤᠯᠤᠭᠰᠠᠨ ᠦᠨ᠎ᠡ ᠪᠠᠷ ᠨᠢ | ᠬᠤᠳᠠᠯᠳᠤᠬᠤ ᠶᠢ ᠪᠡᠶᠡᠯᠡᠬᠦᠯᠵᠠᠢ᠃ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠳᠠ ᠶᠢ ᠳᠦᠯᠬᠢᠨ ᠠᠬᠢᠭᠤᠯᠵᠦ᠂ | ᠮᠤᠩᠭᠤᠯ ᠡᠮᠨᠡᠯᠬᠡ ᠶᠢᠨ ᠬᠤᠷᠢᠶ᠎ᠠ ᠶᠢᠨ ᠶᠡᠷᠤᠩᠬᠡᠶᠢᠯᠡᠭᠰᠡᠨ ᠠᠰᠠᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ | ᠦᠨᠳᠦᠰᠦᠨ ᠡᠮᠨᠡᠯᠬᠡ ᠶᠢᠨ ᠪᠠᠳᠤᠯᠠᠭ᠎ᠠ ᠶᠢ ᠳᠠᠰᠤᠷᠠᠯᠳᠠ ᠦᠬᠡᠢ ᠳᠡᠬᠡᠭᠰᠢᠯᠡᠬᠦᠯᠵᠦ᠂ ᠡᠮ ᠡᠮᠨᠡᠯᠬᠡ ᠡᠷᠡᠬᠦᠯ ᠬᠠᠮᠠᠭᠠᠯᠠᠯ | ᠤᠨ ᠨᠡᠬᠦᠳᠡᠯ ᠦᠢᠯᠡᠴᠢᠯᠡᠬᠡᠨ ᠤ ᠳᠡᠷᠬᠡ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠡᠷᠡᠬᠦᠯ ᠮᠡᠨᠳᠤ ᠶᠢᠨ | ᠪᠠᠳᠤᠯᠠᠭ᠎ᠠ ᠶᠢᠨ ᠵᠢᠵᠢᠭ ᠬᠠᠶᠢᠷᠴᠠᠭ ᠢ ᠳᠠᠷᠬᠠᠭᠠᠬᠤ ᠠᠵᠢᠯᠯᠠᠭ᠎ᠠ ᠲᠠᠢ ᠤᠶᠠᠯᠳᠤᠭᠤᠯᠵᠤ᠂ ᠳᠤᠭᠳᠠᠮᠠᠯ ᠪᠠ ᠨᠡᠬᠦᠳᠡᠯ | ᠦᠢᠯᠡᠴᠢᠯᠡᠭᠡ ᠶᠢ ᠬᠠᠷᠢᠯᠴᠠᠨ ᠠᠪᠴᠠᠯᠳᠤᠭᠤᠯᠤᠭᠰᠠᠨ ᠵᠠᠭᠪᠤᠷ ᠢᠶᠠᠷ ᠳᠠᠮᠵᠢᠨ᠂ ᠦᠷᠬᠡᠨ ᠤᠯᠠᠨ ᠳᠦᠮᠡᠨ ᠳᠤ | ᠦᠨᠳᠦᠰᠦᠨ ᠡᠮ ᠡᠮᠨᠡᠯᠬᠡ ᠪᠠ ᠦᠨᠳᠦᠰᠦᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠠᠩᠭᠠᠪᠠ | ᠃ ᠮᠠᠯᠵᠢᠬᠤ ᠤᠷᠤᠨ ᠤ ᠪᠠᠶᠢᠩᠭᠤ ᠶᠢᠨ ᠰᠠᠭᠤᠷᠢᠰᠢᠭ᠎ᠠ ᠬᠦᠮᠦᠨ ᠠᠮᠠ ᠳᠤ ᠰᠦᠢᠳᠬᠡᠯ ᠬᠤᠷᠢᠶᠠᠬᠤ ᠦᠬᠡᠢ ᠪᠡᠶ᠎ᠡ | ᠶᠢᠨ ᠪᠠᠶᠢᠴᠠᠭᠠᠯᠳᠠ ᠬᠢᠵᠦ ︵ᠡᠷᠡᠭᠳᠡᠢ 45-55 ᠨᠠᠰᠤ᠂ ᠡᠮᠡᠭᠳᠡᠢ 40-50 ᠨᠠᠰᠤ︶᠂ ᠪᠠᠶᠢᠴᠠᠭᠠᠭᠰᠠᠨ ᠨᠤᠷᠮ᠎ᠠ | 85% ᠳᠤ ᠬᠦᠷᠴᠠᠢ᠃ ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠪᠠᠯᠭᠠᠰᠤ ᠶᠢᠨ ᠦᠷ᠎ᠡ ᠪᠦᠳᠦᠬᠡᠯ ᠢᠶᠠᠨ | ᠪᠠᠳᠤᠳᠬᠠᠬᠤ ᠡᠬᠦᠳᠡᠨ ᠠᠴᠠ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭᠠᠨ ᠤ ᠰᠠᠷ᠎ᠠ ᠪᠠ ᠨᠠᠮᠤᠷ | ᠡᠪᠦᠯ ᠤᠨ ᠤᠯᠠᠷᠢᠯ ᠤᠨ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ ᠳᠦᠪᠯᠡᠷᠡᠬᠦᠯᠦᠨ ᠵᠠᠰᠠᠨ ᠴᠡᠭᠴᠡᠯᠡᠬᠦ | ᠠᠵᠢᠯᠯᠠᠭ᠎ᠠ ᠶᠢ ᠦᠷᠨᠢᠬᠦᠯᠪᠡ᠃ ᠦᠨᠳᠦᠰᠦᠨ ᠡᠮ ᠡᠮᠨᠡᠯᠬᠡ ᠶᠢᠨ ᠪᠠᠳᠤᠯᠠᠭᠠᠨ ᠤ ᠳᠦᠪᠰᠢᠨ ᠢ ᠦᠷᠬᠡᠳᠬᠡᠨ᠂ | ᠮᠠᠯᠵᠢᠬᠤ ᠣᠷᠣᠨ ᠤ ᠬᠤᠷᠰᠢᠭᠰᠠᠨ ᠡᠮᠨᠡᠯᠬᠡ ᠶᠢᠨ ᠬᠦᠮᠦᠨ ᠪᠦᠷᠢ ᠶᠢᠨ ᠲᠣᠰᠢᠶᠠᠬᠤ ᠪᠠᠷᠢᠮᠵᠢᠶ᠎ᠠ ᠶᠢ 490 | ᠲᠦᠭᠦᠷᠢᠭ ᠪᠣᠯᠭᠠᠨ ᠲᠡᠭᠡᠭᠰᠢᠯᠡᠬᠦᠯᠵᠣ᠂ ᠡᠬᠦᠨ ᠳᠤ ᠵᠠᠰᠠᠭ ᠤᠨ ᠣᠷᠳᠣᠨ ᠠᠴᠠ 400 ᠲᠦᠭᠦᠷᠢᠭ | ᠨᠦᠬᠦᠪᠦᠷᠢᠯᠡᠭᠰᠡᠨ ᠠᠴᠠ ᠬᠤᠷᠰᠢᠭᠰᠠᠨ ᠡᠮᠨᠡᠯᠬᠡ ᠳᠤ ᠣᠷᠣᠭᠰᠠᠨ ᠨᠣᠷᠮ᠎ᠠ ᠶᠢ 96% ᠠᠴᠠ ᠲᠡᠭᠡᠭᠰᠢ ᠪᠠᠶᠢᠬᠤ ᠶᠢ | ᠪᠠᠳᠣᠯᠠᠵᠠᠢ᠃ ᠡᠬᠦᠨ ᠤ ᠬᠠᠮᠳᠤ ᠬᠤᠷᠰᠢᠭᠰᠠᠨ ᠡᠮᠨᠡᠯᠬᠡ ᠳᠤ ᠤᠷᠤᠭᠰᠠᠨ 9502 ᠬᠦᠮᠦᠨ ᠤᠳᠠᠭ᠎ᠠ ᠶᠢᠨ 1634 | ᠳᠦᠮᠡᠨ ᠳᠦᠬᠦᠷᠢᠭ ᠤᠨ ᠡᠮᠴᠢᠯᠡᠬᠡᠨ ᠤ ᠰᠦᠢᠳᠬᠡᠯ ᠤᠨ ᠳᠠᠩᠰᠠ ᠶᠢ ᠴᠠᠶᠢᠷᠠᠭᠤᠯᠵᠦ ᠦᠭᠪᠡ᠃ ᠳᠦᠯᠦᠪᠯᠡᠬᠡᠳᠤ | ᠦᠷᠡᠵᠢᠯ ᠤᠨ ᠠᠵᠢᠯ ᠢ ᠯᠠᠪᠳᠠᠭᠤᠨ ᠠᠬᠢᠭᠤᠯᠵᠦ᠂ ᠬᠦᠮᠦᠨ ᠠᠮᠠ ᠶᠢᠨ ᠳᠦᠷᠦᠯᠳᠡ ᠶᠢᠨ ᠨᠤᠷᠮ᠎ᠠ 9.1% ᠪᠤᠯᠪᠠ | ᠃ | ︵ᠨᠠᠢᠮᠠ︶ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠲᠣᠭᠳᠠᠭᠤᠨ ᠢᠶᠠᠷ ᠲᠦᠯᠬᠢᠨ ᠠᠬᠢᠭᠤᠯᠪᠠ᠃ | 2015 ᠣᠨ ᠳᠤ 6.8 ᠳ᠋ᠦᠩᠰᠢᠭᠤᠷ ᠲᠦᠭᠦᠷᠢᠭ ᠵᠠᠷᠣᠴᠠᠭᠤᠯᠵᠣ᠂ 61 ᠭᠠᠴᠠᠭᠠᠨ ᠤ ︽ᠠᠷᠪᠠ ᠶᠢ ᠪᠦᠷᠬᠦᠬᠦᠯᠬᠦ | ︾ ᠢᠨᠵᠧᠨᠧᠷᠢᠩ ᠤᠨ ᠠᠵᠢᠯ ᠢ ᠭᠤᠣᠯᠳᠠᠯᠭ᠎ᠠ ᠲᠠᠢ ᠪᠡᠶᠡᠯᠡᠬᠦᠯᠵᠡᠢ᠃ 5843 ᠢᠵᠢ ᠠᠶᠣᠯᠳᠠᠢ ᠬᠡᠷ ᠪᠠᠶᠢᠰᠢᠩ ᠢ | ᠰᠡᠯᠪᠢᠨ ᠵᠠᠰᠠᠵᠣ᠂ ᠡᠬᠦᠷᠬᠡ ᠪᠠᠨ 146% ᠪᠠᠷ ᠲᠠᠪᠠᠭᠤᠯᠣᠨ ᠪᠡᠶᠡᠯᠡᠬᠦᠯᠵᠡᠢ᠃ ᠡᠬᠦᠨ ᠳᠤ 476 ᠬᠡᠷ ᠪᠠᠶᠢᠰᠢᠩ | ᠢ ᠨᠢ ᠰᠢᠨ᠎ᠡ ᠪᠠᠷ ᠪᠠᠷᠢᠵᠦ᠂ 5367 ᠬᠡᠷ ᠪᠠᠶᠢᠰᠢᠩ ᠢ ᠰᠠᠯᠪᠢᠨ ᠵᠠᠰᠠᠵᠠᠢ᠃ 1228 ᠠᠮᠠᠰᠠᠷ ᠬᠤᠳᠳᠤᠭ | ᠣᠬᠤᠵᠣ᠂ 200 ᠤᠰᠤ ᠬᠠᠳᠠᠭᠠᠯᠠᠬᠤ ᠵᠤᠭᠤᠷᠢ ᠪᠠᠶᠢᠭᠤᠯᠤᠨ᠂ ᠣᠰᠣ ᠠᠷᠢᠭᠤᠳᠬᠠᠬᠤ ᠲᠦᠭᠦᠭᠡᠷᠣᠮᠵᠢ 190 ᠶᠢ | ᠤᠭᠰᠠᠷᠠᠭᠰᠠᠨ ᠪᠠᠶᠢᠨ᠎ᠠ᠃ 38.3 ᠺᠢᠯᠣᠮᠧᠲᠷ ᠪᠦᠬᠦᠢ ᠵᠡᠬᠡᠯᠢ ᠭᠤᠳᠣᠮᠵᠢ ᠶᠢ ᠬᠠᠳᠠᠭᠤᠷᠠᠭᠤᠯᠣᠨ᠂ ᠡᠬᠦᠷᠬᠡ ᠪᠠᠨ | 135% ᠪᠠᠷ ᠲᠠᠪᠠᠭᠤᠯᠣᠨ ᠪᠡᠶᠡᠯᠡᠬᠦᠯᠵᠡᠢ᠃ 518 ᠮᠠᠯᠴᠢᠨ ᠡᠷᠣᠬᠡ ᠳᠤ ᠪᠠᠶᠢᠩᠭᠤ ᠶᠢᠨ ᠴᠠᠬᠢᠯᠭᠠᠨ | ᠨᠡᠪᠳᠡᠷᠡᠬᠦᠯᠦᠨ᠂ 800 ᠢᠵᠢ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠲᠦᠭᠦᠭᠡᠷᠣᠮᠵᠢ ᠶᠢ ᠲᠡᠰᠵᠢᠬᠦᠯᠪᠠ᠃ | ᠡᠷᠣᠬᠡ ᠪᠣᠯᠭᠠᠨ ᠳᠤ ᠨᠡᠪᠳᠡᠷᠡᠬᠦ ᠲᠣᠬᠢᠶᠠᠨ ᠦᠷᠳᠡᠭᠡ ᠪᠠ ᠲᠣᠭᠠᠴᠢᠯᠠᠭᠰᠠᠨ ᠪᠢᠴᠢᠯ ᠲᠣᠯᠬᠢᠶᠠᠨ ᠦᠷᠳᠡᠭᠡ 11 ᠶᠢ | ᠪᠠᠶᠢᠭᠤᠯᠵᠣ᠂ 1000 ᠢᠵᠢ ᠷᠠᠳᠢᠤ᠋ ᠲᠧᠯᠸᠢᠰ ᠦᠵᠡᠬᠦ ᠲᠦᠭᠦᠭᠡᠷᠣᠮᠵᠢ ᠲᠠᠷᠬᠠᠭᠠᠪᠠ︔ ᠮᠠᠯᠵᠢᠬᠤ ᠤᠷᠤᠨ ᠤ | 1000 ᠡᠷᠦᠬᠡ ᠳᠤ ᠤᠳᠠᠰᠤ ᠦᠬᠡᠢ ᠰᠦᠯᠵᠢᠶ᠎ᠡ ᠶᠢ ᠨᠡᠪᠳᠡᠷᠡᠬᠦᠯᠵᠠᠢ᠃ ᠭᠠᠷ ᠣᠳᠠᠰᠣᠨ ᠤ ᠲᠣᠬᠢᠶᠠᠨ ᠦᠷᠳᠡᠭᠡ | 35 ᠶᠢ ᠪᠠᠶᠢᠭᠤᠯᠵᠣ᠂ ᠡᠬᠦᠷᠬᠡ ᠪᠠᠨ159% ᠪᠠᠷ ᠲᠠᠪᠠᠭᠤᠯᠣᠨ ᠪᠡᠶᠡᠯᠡᠬᠦᠯᠵᠡᠢ᠃ ᠪᠠᠶᠠᠩᠬᠤᠸᠠ ᠠᠵᠤ | ᠦᠢᠯᠡᠳᠪᠤᠷᠢ ᠶᠢᠨ ᠳᠤᠭᠤᠷᠢᠭ ᠤᠨ ᠪᠠᠭ᠎ᠠ ᠰᠣᠷᠭᠠᠭᠤᠯᠢ ᠶᠢᠨ ᠪᠠᠶᠢᠷᠢ ᠪᠠ ᠭᠤᠷᠣᠬᠠᠨ ᠪᠠᠯᠭᠠᠰᠣᠨ ᠤ ᠬᠡᠣᠬᠡᠳ ᠤᠨ | ᠴᠡᠴᠡᠷᠯᠢᠭ ᠤᠨ ᠪᠠᠭᠰᠢ ᠶᠢᠨ ᠪᠠᠶᠢᠷᠢ ᠴᠦᠮ ᠠᠰᠢᠭᠯᠠᠯᠳᠠ ᠳᠤ ᠣᠷᠣᠪᠠ᠃ ᠭᠠᠴᠠᠭᠠᠨ ᠤ ᠪᠠᠷᠢᠮᠵᠢᠶᠠᠵᠢᠭᠰᠠᠨ ᠡᠷᠡᠬᠦᠯ | ᠬᠠᠮᠠᠭᠠᠯᠠᠯ ᠤᠨ ᠲᠠᠰᠤᠭ 26 ᠶᠢ ᠪᠠᠶᠢᠭᠤᠯᠵᠠᠢ᠃ ᠭᠠᠴᠠᠭᠠᠨ ᠤ ᠬᠦᠳᠡᠯᠬᠡᠬᠡᠨ ᠤ ᠲᠠᠰᠤᠭ ᠤᠨ ᠲᠦᠭᠦᠭᠡᠷᠣᠮᠵᠢ 54 | ᠢᠵᠢ ᠲᠠᠷᠬᠠᠭᠠᠵᠣ᠂ 3 ᠰᠣᠶᠣᠯ ᠤᠨ ᠦᠷᠣᠬᠡ ᠶᠢ ᠰᠢᠨ᠎ᠡ ᠪᠠᠷ ᠪᠠᠶᠢᠭᠤᠯᠣᠨ᠂ 15 ᠭᠠᠴᠠᠭᠠᠨ ᠤ ᠰᠣᠶᠣᠯ ᠤᠨ | ᠦᠷᠣᠬᠡ ᠶᠢ ᠰᠡᠯᠪᠢᠨ ᠵᠠᠰᠠᠵᠣ᠂ ᠪᠦᠬᠦ ᠬᠤᠰᠢᠭᠤᠨ ᠤ 93 ᠭᠠᠴᠠᠭ᠎ᠠ ᠴᠦᠮ ᠰᠣᠶᠣᠯ ᠤᠨ ᠦᠷᠣᠬᠡ ᠲᠠᠢ | ᠪᠣᠯᠣᠭᠰᠠᠨ ᠪᠠᠶᠢᠨ᠎ᠠ᠃ ᠠᠷᠠᠳ ᠲᠤ ᠲᠦᠭᠦᠮ ᠦᠵᠡᠬᠦᠯᠬᠦ ᠬᠤᠯᠪᠣᠭᠠᠳᠣ ᠲᠡᠯᠬᠡᠬᠦᠷ 30 ᠶᠢ ᠪᠠᠶᠢᠭᠤᠯᠣᠨ᠂ ᠡᠬᠦᠷᠬᠡ | ᠪᠠᠨ 120% ᠪᠠᠷ ᠲᠠᠪᠠᠭᠤᠯᠣᠨ ᠪᠡᠶᠡᠯᠡᠬᠦᠯᠵᠠᠢ᠃ ᠨᠡᠶᠢᠬᠡᠮ ᠤᠨ ᠪᠠᠳᠣᠯᠠᠭ᠎ᠠ ᠶᠢᠨ ᠢᠨᠵᠧᠨᠧᠷᠢᠩ ᠤᠨ ᠲᠠᠯ᠎ᠠ ᠳᠤ | ᠬᠤᠳᠠ ᠬᠦᠳᠡᠬᠡᠨ ᠤ ᠰᠠᠭᠤᠭᠠᠯᠢ ᠠᠷᠠᠳ ᠤᠨ ᠨᠠᠰᠣᠵᠢᠯ ᠤᠨ ᠨᠦᠬᠦᠪᠦᠷᠢ ᠶᠢᠨ ᠪᠠᠷᠢᠮᠵᠢᠶ᠎ᠠ ᠰᠠᠷ᠎ᠠ ᠪᠣᠯᠭᠠᠨ 65 | ᠲᠦᠭᠦᠷᠢᠭ ᠪᠠᠶᠢᠭᠰᠠᠨ ᠢ ᠲᠡᠭᠡᠭᠰᠢᠯᠡᠬᠦᠯᠦᠬᠡᠳ 85 ᠲᠦᠭᠦᠷᠢᠭ ᠪᠣᠯᠭᠠᠵᠣ᠂ 78 ᠪᠦᠬᠦᠯᠢ ᠨᠠᠰᠣᠨ ᠠᠴᠠ ᠲᠡᠭᠡᠭᠰᠢᠬᠢ | 792 ᠨᠡᠷᠡᠰ ᠦᠨᠳᠦᠷ ᠨᠠᠰᠣᠳᠠᠶᠢᠴᠣᠳ ᠲᠤ 110 ᠲᠦᠮᠡᠨ ᠲᠦᠭᠦᠷᠢᠭ ᠤᠨ ᠦᠨᠳᠦᠷ ᠨᠠᠰᠣᠳᠠᠨ ᠤ ᠨᠦᠬᠦᠪᠦᠷᠢ | ᠣᠯᠭᠤᠵᠣ᠂ ᠪᠡᠯᠴᠢᠭᠡᠷᠯᠡᠬᠦᠯᠬᠦ ᠶᠢ ᠵᠤᠭᠰᠤᠭᠠᠭᠰᠠᠨ ᠣᠷᠣᠨ ᠠᠴᠠ ᠭᠠᠳᠠᠨᠠᠬᠢ ᠮᠠᠯᠵᠢᠬᠤ ᠣᠷᠣᠨ ᠤ 2983 ᠨᠡᠷᠡᠰ | 60 ᠨᠠᠰᠣᠨ ᠠᠴᠠ ᠲᠡᠭᠡᠭᠰᠢᠬᠢ ᠨᠠᠰᠣᠳᠠᠶᠢᠴᠣᠳ ᠲᠤ ᠬᠦᠮᠦᠨ ᠪᠦᠷᠢ ᠵᠢᠯ ᠪᠣᠯᠭᠠᠨ 1200 ᠲᠦᠭᠦᠷᠢᠭ ᠤᠨ | ᠨᠦᠬᠦᠪᠦᠷᠢ ᠣᠯᠭᠤᠵᠣ᠂ 7036 ᠬᠦᠮᠦᠨ ᠳᠤ ᠮᠠᠯᠵᠢᠬᠤ ᠣᠷᠣᠨ ᠤ ᠰᠢᠨ᠎ᠡ ᠬᠤᠷᠰᠢᠭᠰᠠᠨ ᠡᠮᠨᠡᠯᠬᠡ ᠶᠢᠨ | ᠲᠠᠭᠠᠳᠬᠠᠯ ᠤᠨ ᠮᠦᠩᠬᠦ 1172 ᠲᠦᠮᠡᠨ ᠲᠦᠭᠦᠷᠢᠭ ᠨᠦᠬᠦᠪᠦᠷᠢᠯᠡᠵᠡᠢ᠃ | ︵ᠶᠢᠰᠣ︶ ᠡᠯ᠎ᠡ ᠲᠦᠷᠦᠯ ᠤᠨ ᠦᠬᠡᠷᠡᠴᠢᠯᠡᠯᠳᠠ ᠶᠢ ᠬᠦᠨᠵᠡᠬᠡᠢ ᠲᠦᠯᠬᠢᠨ ᠠᠬᠢᠭᠤᠯᠪᠠ᠃ 116 ᠲᠦᠷᠦᠯ | ᠤᠨ ᠠᠵᠣ ᠠᠬᠤᠢ ᠶᠢᠨ ᠰᠢᠰᠲ᠋ᠧᠮᠵᠢ᠂ ᠠᠮᠢ ᠠᠬᠤᠢ ᠶᠢᠨ ᠪᠣᠯᠪᠠᠰᠣᠨ ᠤ ᠰᠢᠰᠲ᠋ᠧᠮᠵᠢ ᠪᠠ ᠨᠡᠶᠢᠬᠡᠮ ᠤᠨ ᠰᠢᠰᠲ᠋ᠧᠮᠵᠢ | ᠶᠢᠨ ᠦᠬᠡᠷᠡᠴᠢᠯᠡᠯᠳᠠ ᠶᠢᠨ ᠡᠬᠦᠷᠬᠡ ᠶᠢ ᠡᠬᠢᠯᠡᠬᠦᠯᠵᠣ᠂ 63 ᠲᠦᠷᠦᠯ ᠢ ᠨᠢ ᠪᠡᠶᠡᠯᠡᠬᠦᠯᠦᠨ᠂ 138 ᠲᠦᠷᠦᠯ ᠨᠢ | ᠦᠬᠡᠷᠡᠴᠢᠯᠡᠯᠳᠠ ᠶᠢᠨ ᠦᠷ᠎ᠠ ᠠᠰᠢᠭ ᠲᠠᠢ ᠪᠣᠯᠵᠠᠢ᠃ ᠰᠣᠷᠭᠠᠭᠤᠯᠢ ᠶᠢᠨ ᠵᠠᠬᠢᠷᠣᠯ ᠤᠨ ᠰᠣᠯᠢᠯᠴᠠᠭ᠎ᠠ ᠵᠡᠷᠬᠡ 7 | ᠲᠣᠷᠰᠢᠯᠳᠠ ᠶᠢᠨ ᠴᠢᠭ ᠤᠨ ᠠᠵᠢᠯ ᠢ ᠲᠦᠯᠬᠢᠨ ᠠᠬᠢᠭᠤᠯᠣᠭᠰᠠᠨ ᠪᠠᠶᠢᠨ᠎ᠠ᠃ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠤᠨ ᠲᠦᠷᠢᠮ ᠤᠨ ᠦᠬᠡᠷᠡᠴᠢᠯᠡᠯᠳᠠ ᠶᠢ ᠬᠦᠨᠵᠡᠬᠡᠶᠢᠷᠡᠬᠦᠯᠵᠣ᠂ 51 ᠲᠦᠷᠦᠯ ᠤᠨ ᠬᠢᠨᠠᠨ | ᠵᠦᠪᠰᠢᠶᠡᠷᠡᠬᠦᠯᠬᠦ ᠠᠯᠬᠤᠮ ᠲᠠᠷᠠᠭ᠎ᠠ ᠶᠢ ᠦᠬᠡᠶᠢᠰᠬᠡᠨ᠂ 232 ᠲᠦᠷᠦᠯ ᠢ ᠨᠢ ᠦᠯᠡᠳᠡᠬᠡᠵᠣ᠂ ᠲᠦᠭᠦᠮᠴᠢᠯᠡᠭᠰᠡᠨ | ᠨᠣᠷᠮ᠎ᠠ 18% ᠳᠤ ᠬᠦᠷᠴᠡᠢ᠃ ᠡᠳ᠋ ᠤᠨ ᠵᠠᠰᠠᠭ ᠤᠨ ᠭᠠᠶᠢᠯᠢ ᠶᠢᠨ ᠰᠢᠰᠲ᠋ᠧᠮᠵᠢ ᠶᠢᠨ ᠦᠬᠡᠷᠡᠴᠢᠯᠡᠯᠳᠠ ᠶᠢ | ᠬᠦᠨᠵᠡᠬᠡᠶᠢᠷᠡᠬᠦᠯᠵᠣ᠂ ᠲᠦᠷᠢᠮᠵᠢᠭᠰᠡᠨ᠂ ᠢᠯᠡ ᠲᠣᠳᠣᠷᠬᠠᠢ ᠲᠦᠰᠦᠪ ᠬᠠᠮᠢᠶᠠᠷᠣᠯᠳᠠ ᠶᠢᠨ ᠲᠦᠷᠢᠮ ᠢ | ᠬᠡᠷᠡᠭᠵᠢᠬᠦᠯᠪᠡ︔ ᠵᠠᠰᠠᠭ ᠤᠨ ᠴᠢᠨᠠᠷᠳᠠᠢ ᠦᠷᠢ ᠦᠭᠴᠡᠭᠡ ᠶᠢ ᠪᠦᠬᠦ ᠲᠠᠯ᠎ᠠ ᠪᠠᠷ ᠳᠦᠷᠢᠮᠵᠢᠬᠦᠯᠦᠨ ᠬᠠᠮᠢᠶᠠᠷᠴᠣ᠂ | 2015 ᠣᠨ ᠳᠤ ᠵᠠᠰᠠᠭ ᠤᠨ ᠴᠢᠨᠡᠷᠳᠡᠢ ᠦᠷᠢ ᠦᠭᠴᠡᠭᠡ 6.15 ᠳ᠋ᠦᠩᠰᠢᠭᠤᠷ ᠲᠦᠭᠦᠷᠢᠭ ᠲᠦᠯᠦᠵᠡᠢ᠃ | ︵ᠠᠷᠪᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠴᠣᠭᠴᠠᠯᠠᠯᠳᠠ ᠪᠠ ᠨᠡᠶᠢᠬᠡᠮ ᠤᠨ ᠬᠠᠮᠢᠶᠠᠷᠣᠯᠳᠠ ᠶᠢ | ᠦᠷᠬᠦᠯᠵᠢᠯᠡᠨ ᠴᠢᠩᠭᠠᠳᠬᠠᠪᠠ᠃ ︽ᠭᠤᠷᠪᠠᠨ ᠴᠢᠩᠭ᠎ᠠ ᠭᠤᠷᠪᠠᠨ ᠪᠣᠳᠠᠳᠠᠢ︾ ᠲᠣᠰᠬᠠᠢ ᠰᠡᠳᠣᠪᠳᠣ ᠰᠣᠷᠭᠠᠨ | ᠬᠦᠮᠦᠵᠢᠯ ᠤᠨ ᠦᠢᠯᠡᠳᠣᠯᠬᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠵᠢᠷᠭᠠᠯ ᠨᠦᠬᠦᠷ ᠤᠨ ᠵᠤᠷᠢᠭ ᠰᠠᠨᠠᠭ᠎ᠠ | ᠶᠢ ᠨᠠᠷᠢᠨ ᠬᠢᠨᠠᠮᠠᠭᠠᠢ ᠰᠤᠷᠤᠯᠴᠠᠨ᠂ ᠲᠡᠬᠦᠨ ᠤ ᠭᠤᠶᠠᠴᠢ ᠦᠬᠡᠢ ᠠᠯᠢᠪᠠ ᠪᠠᠨ ᠡᠷᠬᠦᠬᠦ᠂ ᠠᠵᠢᠯ ᠦᠢᠯᠡᠰ ᠢᠶᠠᠨ | ᠡᠷᠬᠢᠮᠯᠡᠨ ᠲᠡᠭᠡᠳᠦᠯᠡᠬᠦ ᠵᠤᠷᠢᠭ ᠰᠠᠨᠠᠭ᠎ᠠ ᠶᠢ ᠤᠯᠠᠮᠵᠢᠯᠠᠨ ᠳᠡᠯᠬᠡᠷᠡᠬᠦᠯᠪᠡ᠃ ︽ᠠᠮᠣᠷ ᠲᠣᠭᠳᠠᠭᠤᠨ ᠪᠠᠷᠠᠭᠤᠨ | ᠦᠵᠣᠮᠣᠴᠢᠨ︾ ᠪᠠ ︽ᠬᠠᠣᠯᠢ ᠪᠠᠷ ᠵᠠᠰᠠᠭᠰᠠᠨ ᠪᠠᠷᠠᠭᠤᠨ ᠦᠵᠣᠮᠣᠴᠢᠨ︾ ᠤ ᠴᠣᠭᠴᠠᠯᠠᠯᠳᠠ ᠶᠢ | ᠬᠦᠨᠵᠡᠬᠡᠶᠢᠷᠡᠬᠦᠯᠵᠣ᠂ ᠬᠠᠣᠯᠢ ᠶᠢ ᠳᠦᠬᠡᠮᠡᠯᠵᠢᠬᠦᠯᠦᠨ ᠬᠠᠣᠯᠢ ᠪᠠᠷ ᠵᠠᠰᠠᠬᠤ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠬᠡᠷᠡᠭᠵᠢᠬᠦᠯᠵᠡᠢ᠃ ᠪᠠᠶᠠᠩᠬᠤᠸᠠ ᠪᠠᠯᠭᠠᠰᠤᠨ ᠳᠤ ᠨᠡᠶᠢᠬᠡᠮ ᠤᠨ ᠠᠮᠤᠷ ᠢ ᠬᠠᠮᠠᠭᠠᠯᠠᠬᠤ ᠵᠠᠰᠠᠨ | ᠴᠡᠭᠴᠡᠯᠡᠯᠳᠡ ᠶᠢᠨ ᠳᠤᠰᠬᠠᠢ ᠠᠵᠢᠯᠯᠠᠭ᠎ᠠ ᠶᠢ ᠦᠷᠨᠢᠬᠦᠯᠬᠦ ᠪᠠᠷ ᠠᠳᠬᠤᠴᠠ ᠪᠤᠯᠭᠠᠵᠦ᠂ 284 ᠡᠷᠦᠬᠡ ᠶᠢᠨ | 40576 ᠲᠡᠭᠰᠢ ᠳᠦᠷᠪᠡᠯᠵᠢᠨ ᠮᠧᠲᠷ ᠳᠠᠯᠠᠪᠠᠢ ᠪᠦᠬᠦᠢ ᠬᠡᠷ ᠪᠠᠶᠢᠰᠢᠩ ᠪᠠ 44440 ᠤᠷᠳᠤᠳᠬᠠᠭᠰᠠᠨ ᠮᠧᠲᠷ | ᠬᠡᠷᠡᠮ ᠬᠠᠰᠢᠶ᠎ᠠ ᠵᠡᠷᠬᠡ ᠳᠦᠷᠢᠮ ᠠᠴᠠ ᠵᠦᠷᠢᠴᠡᠭᠰᠡᠨ ᠪᠠᠷᠢᠯᠭ᠎ᠠ ᠶᠢ ᠨᠤᠷᠠᠭᠠᠪᠠ᠃ ᠪᠠᠯᠭᠠᠷᠭᠤᠤᠯ ᠪᠠᠯᠭᠠᠰᠤᠨ ᠤ | ᠡᠷᠭᠢᠨ ᠲᠤᠭᠤᠷᠢᠨ ᠤ ᠣᠷᠴᠢᠨ ᠲᠣᠭᠤᠷᠢᠨ ᠳᠤ ᠵᠠᠰᠠᠯᠳᠠ ᠬᠢᠵᠦ᠂ 21 ᠰᠠᠭᠤᠷᠢ 4512 ᠲᠡᠭᠰᠢ ᠳᠦᠷᠪᠡᠯᠵᠢᠨ | ᠮᠧᠲᠷ ᠳᠠᠯᠠᠪᠠᠢ ᠪᠦᠬᠦᠢ ᠳᠦᠷᠢᠮ ᠠᠴᠠ ᠵᠦᠷᠢᠴᠡᠭᠰᠡᠨ ᠪᠠᠷᠢᠯᠭ᠎ᠠ ᠶᠢ ᠨᠤᠷᠠᠭᠠᠪᠠ᠃ 2015 ᠣᠨ ᠳᠤ ᠠᠷᠠᠳ ᠤᠨ | ᠲᠦᠯᠦᠬᠡᠯᠡᠭᠴᠢᠳ ᠤᠨ ᠰᠠᠨᠠᠭᠤᠯᠭ᠎ᠠ᠂ ᠰᠢᠬᠦᠮᠵᠢᠯᠡᠯ ᠰᠠᠨᠠᠯ ᠢ 73 ᠬᠤᠪᠢ᠂ ᠣᠯᠣᠰ ᠲᠦᠷᠦ ᠶᠢᠨ ᠵᠦᠪᠯᠡᠯᠬᠡᠨ ᠤ | ᠲᠣᠷᠠᠳᠣᠯᠭ᠎ᠠ ᠶᠢ 75 ᠬᠤᠪᠢ ᠬᠦᠢᠴᠡᠳᠬᠡᠵᠡᠢ᠃ ᠺᠠᠳ᠋ᠷ ᠦᠨᠳᠦᠰᠦᠨ ᠱᠠᠳᠣᠨ ᠳᠤ ᠪᠠᠭᠤᠵᠣ᠂ ᠭᠤᠷᠪᠠᠨ ᠱᠠᠳᠣ | ᠪᠠᠷ ᠵᠢᠱᠢᠶ᠎ᠡ ᠦᠵᠡᠬᠦᠯᠵᠣ ᠲᠠᠭᠠᠭᠤᠯᠣᠨ ᠵᠢᠯᠣᠭᠤᠳᠬᠤ ᠠᠵᠢᠯᠯᠠᠭ᠎ᠠ ᠲᠠᠢ ᠣᠶᠠᠯᠳᠣᠭᠤᠯᠣᠨ᠂ 530 ᠬᠤᠪᠢ ᠡᠯ᠎ᠡ | ᠲᠦᠷᠦᠯ ᠤᠨ ᠵᠦᠷᠢᠴᠡᠯ ᠵᠢᠭᠤᠷᠭᠠᠨ ᠢ ᠪᠠᠶᠢᠴᠠᠭᠠᠨ ᠢᠯᠡᠷᠡᠬᠦᠯᠵᠣ᠂ 526 ᠬᠤᠪᠢ ᠶᠢ ᠨᠢ ᠡᠶᠡᠳᠡᠬᠦᠯᠦᠨ | ᠰᠢᠢᠳᠪᠦᠷᠢᠯᠡᠭᠰᠡᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ ᠶᠢᠨ ︽ᠳᠠᠪᠤᠨ ᠠᠯᠬᠤᠮᠳᠤ ᠠᠵᠢᠯ ᠤᠨ ᠠᠷᠭ᠎ᠠ︾ ᠶᠢ | ᠦᠷᠬᠦᠯᠵᠢᠯᠡᠨ ᠬᠡᠷᠡᠭᠵᠢᠬᠦᠯᠦᠭᠰᠡᠨ ᠠᠴᠠ ᠨᠢᠬᠡ ᠪᠦᠯᠦᠭ ᠪᠣᠳᠣᠯᠢᠶᠠᠨᠳᠠᠢ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ | ᠢ ᠪᠦᠳᠦᠮᠵᠢᠳᠠᠢ ᠰᠢᠢᠳᠪᠦᠷᠢᠯᠡᠵᠣ᠂ ᠵᠠᠬᠢᠳᠠᠯ ᠰᠣᠷᠪᠣᠯᠵᠢᠯᠠᠭ᠎ᠠ ᠶᠢᠨ ᠨᠡᠷ᠎ᠡ ᠶᠢ ᠵᠡᠬᠦᠵᠦ ᠬᠡᠷᠡᠭ ᠦᠳᠦᠬᠡᠬᠦ ᠪᠠ ᠬᠡᠪ | ᠪᠣᠰᠣ ᠵᠠᠬᠢᠳᠠᠯ ᠰᠤᠷᠪᠤᠯᠵᠢᠯᠠᠭ᠎ᠠ ᠬᠢᠭᠰᠡᠳ ᠢ ᠡᠯ᠎ᠡ ᠲᠦᠷᠦᠯ ᠤᠨ ᠬᠡᠷᠡᠴᠢ ᠰᠣᠨᠣᠰᠬᠤ ᠬᠤᠷᠠᠯ ᠬᠢᠬᠦ ᠪᠣᠶᠣ ᠠᠷᠠᠳ | ᠤᠨ ᠰᠢᠬᠦᠬᠦ ᠬᠤᠷᠢᠶᠠᠨ ᠠᠴᠠ ᠢᠯᠡ ᠪᠠᠷ ᠲᠠᠰᠣᠯᠣᠨ ᠰᠢᠬᠦᠬᠦ ᠬᠡᠯᠪᠡᠷᠢ ᠪᠠᠷ ᠬᠠᠣᠯᠢ ᠴᠠᠭᠠᠵᠠ ᠶᠢᠨ ᠲᠦᠷᠦ ᠶᠢᠨ | ᠪᠣᠳᠣᠯᠭ᠎ᠠ ᠪᠠ ᠨᠡᠶᠢᠬᠡᠮ ᠤᠨ ᠬᠦᠴᠦᠨ ᠢᠶᠠᠷ ᠰᠢᠢᠳᠪᠦᠷᠢᠯᠡᠬᠦ ᠶᠢ ᠠᠬᠢᠭᠤᠯᠣᠭᠰᠠᠨ ᠪᠠᠶᠢᠨ᠎ᠠ᠃ ᠬᠦᠳᠡᠯᠮᠦᠷᠢ ᠬᠦᠴᠦᠨ | ᠤ ᠪᠠᠳᠣᠯᠠᠭ᠎ᠠ ᠶᠢᠨ ᠬᠢᠨᠠᠨ ᠪᠠᠶᠢᠴᠠᠭᠠᠬᠤ ᠵᠢᠴᠢ ᠬᠦᠳᠡᠯᠮᠦᠷᠢ ᠬᠦᠴᠦᠨ ᠤ ᠬᠦᠨᠳᠡᠯᠡᠨ ᠠᠴᠠ ᠲᠡᠰᠦᠯᠠᠬᠤ ᠠᠵᠢᠯ ᠤᠨ | ᠡᠷᠴᠢᠮ ᠢ ᠴᠢᠩᠭᠠᠷᠠᠭᠤᠯᠣᠭᠰᠠᠨ ᠠᠴᠠ ᠬᠦᠯᠦᠰᠦᠨ ᠠᠵᠢᠯᠳᠠᠳ ᠢ ᠬᠠᠪᠰᠤᠷᠤᠨ ᠤᠷᠢᠳ ᠬᠤᠵᠢᠳ ᠨᠡᠶᠢᠳᠡ 1615 | ᠲᠦᠮᠡᠨ ᠲᠦᠭᠦᠷᠢᠭ ᠤᠨ ᠴᠠᠯᠢᠩ ᠣᠯᠭᠤᠮᠵᠢ ᠶᠢ ᠡᠬᠡᠬᠦᠯᠦᠨ ᠠᠪᠴᠢᠷᠠᠭᠰᠠᠨ ᠪᠠᠶᠢᠨ᠎ᠠ᠃ ᠨᠡᠶᠢᠬᠡᠮ ᠤᠨ ᠵᠠᠰᠠᠨ | ᠴᠡᠭᠴᠡᠯᠡᠯᠳᠠ ᠶᠢ ᠴᠢᠩᠭᠠᠷᠠᠭᠤᠯᠵᠣ᠂ ᠣᠨᠴᠠᠭᠠᠢ ᠬᠦᠮᠦᠰ ᠤᠨ ᠬᠠᠮᠢᠶᠠᠷᠣᠯᠳᠠ ᠶᠢᠨ ᠠᠵᠢᠯᠯᠠᠭ᠎ᠠ ᠶᠢ ᠢᠳᠠᠪᠬᠢᠳᠠᠢ | ᠦᠷᠨᠢᠬᠦᠯᠦᠭᠰᠡᠨ ᠠᠴᠠ ᠪᠦᠬᠦ ᠬᠤᠰᠢᠭᠤᠨ ᠤ ᠨᠡᠶᠢᠬᠡᠮ ᠤᠨ ᠡᠯ᠎ᠡ ᠲᠠᠪᠬᠤᠷᠭ᠎ᠠ ᠶᠢᠨ ᠲᠣᠭᠳᠠᠭᠤᠨ ᠬᠦᠭᠵᠢᠯᠳᠠ ᠶᠢᠨ | ᠪᠠᠶᠢᠳᠠᠯ ᠢ ᠦᠷᠬᠦᠯᠵᠢᠯᠡᠨ ᠪᠠᠳᠣᠯᠠᠭᠰᠠᠨ ᠪᠠᠶᠢᠨ᠎ᠠ᠃ | ᠲᠦᠯᠦᠬᠡᠯᠡᠭᠴᠢᠳ ᠡ᠂ ᠦᠩᠭᠡᠷᠡᠭᠰᠡᠨ ᠨᠢᠬᠡ ᠵᠢᠯ ᠳᠤ ᠪᠢᠳᠠ ︽ᠠᠷᠪᠠᠨ ᠬᠤᠶᠠᠳᠣᠭᠠᠷ ᠲᠠᠪᠣᠨ ᠵᠢᠯ ᠤᠨ | ᠲᠦᠯᠦᠪᠵᠢᠬᠦᠯᠬᠡ︾ ᠶᠢ ᠲᠡᠭᠦᠰ ᠠᠮᠵᠢᠯᠳᠠᠳᠠᠢ ᠪᠡᠶᠡᠯᠡᠬᠦᠯᠵᠣ᠂ ᠪᠠᠷᠠᠭᠤᠨ ᠦᠵᠣᠮᠣᠴᠢᠨ ᠬᠤᠰᠢᠭᠤᠨ ᠤ ᠰᠢᠨ᠎ᠡ | ᠨᠢᠬᠡᠨ ᠲᠡᠣᠬᠡᠨ ᠵᠣᠭᠰᠣᠴᠠ ᠶᠢ ᠪᠡᠶᠡᠯᠡᠬᠦᠯᠵᠡᠢ᠃ ᠦᠩᠬᠡᠷᠡᠭᠰᠡᠨ ︽ᠠᠷᠪᠠᠨ ᠬᠤᠶᠠᠳᠣᠭᠠᠷ ᠲᠠᠪᠣᠨ ᠵᠢᠯ︾ ᠤᠨ | ᠬᠤᠭᠤᠴᠠᠭᠠᠨ ᠤ ᠬᠦᠭᠵᠢᠯᠳᠠ ᠶᠢ ᠪᠠᠷᠠᠭᠠᠯᠠᠬᠤ ᠳᠤ᠄ ᠲᠣᠰ ᠲᠠᠪᠣᠨ ᠵᠢᠯ ᠤᠨ ᠲᠣᠷᠰᠢ ᠮᠠᠨ ᠤ ᠬᠤᠰᠢᠭᠤ ᠨᠢ ᠠᠵᠣ | ᠠᠬᠤᠢ ᠶᠢᠨ ᠪᠠᠶᠢᠭᠤᠯᠣᠯᠳᠠ᠂ ᠣᠯᠣᠰ ᠲᠦᠷᠦ ᠶᠢᠨ ᠪᠠᠶᠢᠭᠤᠯᠣᠯᠳᠠ᠂ ᠰᠣᠶᠣᠯ ᠤᠨ ᠪᠠᠶᠢᠭᠤᠯᠣᠯᠳᠠ᠂ ᠨᠡᠶᠢᠬᠡᠮ ᠤᠨ | ᠪᠠᠶᠢᠭᠤᠯᠣᠯᠳᠠ ᠪᠠ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠣᠭᠰᠠᠨ ᠲᠠᠪᠣᠨ ᠵᠢᠯ ᠪᠣᠯᠣᠨ᠎ᠠ᠃ ᠮᠦᠨᠴᠣ ᠬᠦᠭᠵᠢᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠣᠨ᠂ | ᠬᠦᠭᠵᠢᠯᠳᠠ ᠶᠢᠨ ᠰᠠᠭᠤᠷᠢ ᠪᠠᠨ ᠪᠠᠬᠢᠵᠢᠬᠦᠯᠵᠣ᠂ ᠦᠷᠬᠦᠯᠵᠢᠯᠡᠨ ᠪᠦᠬᠦ ᠲᠠᠯ᠎ᠠ ᠪᠠᠷ ᠵᠣᠬᠢᠴᠠᠩᠭᠤᠢ ᠬᠦᠭᠵᠢᠬᠦ ᠶᠢ | ᠪᠠᠳᠣᠯᠠᠭᠰᠠ ᠲᠠᠪᠣᠨ ᠵᠢᠯ ᠪᠣᠯᠣᠨ᠎ᠠ᠃ ᠮᠦᠨᠴᠣ ᠦᠬᠡᠷᠡᠴᠢᠯᠡᠯᠳᠠ ᠶᠢ ᠬᠦᠨᠵᠡᠬᠡᠶᠢᠷᠡᠬᠦᠯᠵᠣ᠂ ᠬᠤᠳᠠ ᠬᠦᠳᠡᠭᠡ ᠶᠢᠨ | ᠪᠠᠶᠢᠳᠠᠯ ᠮᠡᠳᠡᠭᠳᠡᠮ᠎ᠡ ᠬᠤᠪᠢᠷᠠᠵᠣ᠂ ᠣᠯᠠᠨ ᠲᠦᠮᠡᠨ ᠳᠤ ᠦᠷᠬᠦᠯᠵᠢᠯᠡᠨ ᠠᠰᠢᠭ ᠬᠦᠷᠳᠡᠬᠡᠭᠰᠡᠨ ᠲᠠᠪᠣᠨ ᠵᠢᠯ | ᠪᠣᠯᠣᠨ᠎ᠠ᠃ ︽ᠠᠷᠪᠠᠨ ᠬᠤᠶᠠᠳᠣᠭᠠᠷ ᠲᠠᠪᠣᠨ ᠵᠢᠯ ᠤᠨ ᠲᠦᠯᠦᠪᠵᠢᠬᠦᠯᠬᠡ︾ ᠶᠢᠨ ᠬᠤᠭᠤᠴᠠᠭᠠᠨ ᠳᠠᠬᠢ ᠠᠵᠢᠯ | ᠢᠶᠠᠨ ᠳ᠋ᠦᠩᠨᠡᠪᠡᠯ᠂ ᠪᠢᠳᠠ ᠠᠯᠢ ᠣᠯᠠᠨ ᠡᠷᠬᠢᠮ ᠨᠠᠨᠳᠢᠨ ᠠᠷᠭ᠎ᠠ ᠲᠣᠷᠰᠢᠯᠭ᠎ᠠ ᠶᠢ ᠬᠤᠷᠠᠮᠳᠣᠭᠤᠯᠵᠠᠢ᠃ ᠡᠬᠦᠨ ᠳᠤ | ᠬᠠᠮᠤᠭ ᠨᠠᠨᠳᠢᠨ ᠵᠦᠢᠯ ᠬᠡᠪᠡᠯ᠄ ᠦᠵᠡᠯ ᠰᠠᠨᠠᠭ᠎ᠠ᠂ ᠣᠯᠣᠰ ᠲᠦᠷᠦ᠂ ᠦᠢᠯᠡ ᠠᠵᠢᠯᠯᠠᠭ᠎ᠠ ᠲᠡᠭᠡᠷ᠎ᠡ ᠪᠠᠨ ᠴᠠᠭ | ᠢᠮᠠᠭᠳᠠ ᠨᠠᠮ ᠤᠨ ᠲᠦᠪ ᠬᠤᠷᠢᠶ᠎ᠠ ᠲᠠᠢ ᠳᠡᠬᠡᠳᠤ ᠬᠡᠮᠵᠢᠶ᠎ᠡ ᠪᠠᠷ ᠢᠵᠢᠯ ᠪᠠᠶᠢᠵᠣ᠂ ᠪᠦᠬᠦ ᠬᠤᠰᠢᠭᠤᠨ ᠤ ᠡᠯ᠎ᠡ | ᠦᠨᠳᠦᠰᠦᠳᠡᠨ ᠤ ᠠᠷᠠᠳ ᠲᠦᠮᠡᠨ ᠳᠤ ᠲᠦᠰᠢᠭᠯᠡᠨ᠂ ᠰᠠᠬᠢᠨ ᠪᠠᠷᠠᠭᠠᠯᠠᠵᠣ ᠬᠠᠷᠢᠯᠴᠠᠨ ᠬᠠᠪᠰᠤᠷᠤᠯᠴᠠᠨ᠂ | ᠪᠦᠯᠬᠦᠮᠳᠡᠨ ᠲᠡᠮᠡᠴᠡᠵᠣ ᠬᠠᠮᠳᠣᠪᠡᠷ ᠴᠢᠷᠮᠠᠶᠢᠵᠦ᠂ ᠲᠦᠪ ᠬᠤᠷᠢᠶ᠎ᠠ᠂ ᠦᠪᠡᠷᠳᠡᠬᠡᠨ ᠵᠠᠰᠠᠬᠤ ᠣᠷᠣᠨ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ ᠶᠢᠨ ᠵᠦᠪ ᠣᠨᠣᠪᠴᠢᠳᠠᠢ ᠰᠢᠢᠳᠪᠦᠷᠢᠳᠣ | ᠪᠣᠳᠣᠯᠭ᠎ᠠ ᠶᠢ ᠲᠦᠪ ᠴᠢᠩᠭ᠎ᠠ ᠨᠠᠶᠢᠳᠠᠪᠦᠷᠢᠵᠢᠭᠤᠯᠣᠨ᠂ ᠦᠰᠦᠯᠳᠠ ᠶᠢ ᠲᠣᠭᠳᠠᠪᠦᠷᠢᠵᠢᠭᠤᠯᠵᠤ᠂ ᠪᠦᠳᠣᠴᠡ ᠶᠢ | ᠳᠤᠬᠢᠷᠠᠭᠤᠯᠤᠨ᠂ ᠦᠬᠡᠷᠡᠴᠢᠯᠡᠯᠳᠠ ᠶᠢ ᠬᠦᠨᠵᠡᠬᠡᠶᠢᠷᠡᠬᠦᠯᠵᠣ᠂ ᠠᠷᠠᠳ ᠤᠨ ᠠᠮᠢᠳᠣᠷᠠᠯ ᠢ ᠰᠠᠶᠢᠵᠢᠷᠠᠭᠤᠯᠣᠨ᠂ | ᠲᠦᠭᠰᠢᠬᠦᠷᠢ ᠶᠢ ᠠᠷᠭᠠᠴᠠᠭᠠᠬᠤ᠂ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠶᠢ ᠪᠠᠷᠢᠮᠳᠠᠯᠠᠵᠣ᠂ ᠪᠦᠬᠦ | ᠬᠤᠰᠢᠭᠤᠨ ᠤ ᠠᠵᠣ ᠠᠬᠤᠢ ᠨᠡᠶᠢᠬᠡᠮ ᠤᠨ ᠦᠷᠬᠦᠯᠵᠢᠯᠡᠨ ᠬᠦᠭᠵᠢᠬᠦ ᠶᠢ ᠪᠡᠶᠡᠯᠡᠬᠦᠯᠵᠣ᠂ ᠪᠦᠬᠦ ᠬᠤᠰᠢᠭᠤᠨ ᠤ ᠡᠯ᠎ᠡ | ᠦᠨᠳᠦᠰᠦᠳᠡᠨ ᠤ ᠺᠠᠳ᠋ᠷ ᠣᠯᠠᠨ ᠲᠦᠮᠡᠨ ᠤ ᠲᠣᠭᠳᠠᠭᠤᠨ ᠢᠶᠠᠷ ᠬᠦᠭᠵᠢᠬᠦ᠂ ᠵᠣᠬᠢᠴᠠᠩᠭᠤᠢ ᠬᠦᠭᠵᠢᠬᠦ ᠢᠳᠡᠬᠡᠯ | ᠵᠣᠷᠢᠭ ᠢ ᠣᠯᠠᠮ ᠨᠢᠬᠡ ᠠᠯᠬᠤᠮ ᠬᠦᠪᠴᠢᠯᠡᠨ᠂ ᠡᠯ᠎ᠡ ᠱᠠᠳᠣᠨ ᠤ ᠨᠠᠮ ᠤᠨ ᠬᠡᠰᠢᠬᠦᠨ ᠺᠠᠳ᠋ᠷ ᠤᠨ ᠬᠦᠴᠢᠷᠳᠡᠯ ᠠᠴᠠ | ᠴᠤᠴᠢᠬᠤ ᠦᠬᠡᠢ᠂ ᠰᠢᠷᠭᠠᠭᠤ ᠴᠢᠷᠮᠠᠶᠢᠨ ᠳᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠠᠴᠠ ᠪᠤᠯᠤᠭᠰᠠᠨ ᠶᠤᠮ᠃ | ᠡᠨᠡ ᠪᠣᠯ ᠪᠢᠳᠠᠨ ᠤ ︽ᠠᠷᠪᠠᠨ ᠬᠤᠶᠠᠳᠣᠭᠠᠷ ᠲᠠᠪᠣᠨ ᠵᠢᠯ ︾ ᠤᠨ ᠬᠤᠭᠤᠴᠠᠭᠠᠨ ᠳᠠᠬᠢ ᠰᠢᠨ᠎ᠡ ᠶᠢ ᠡᠬᠦᠳᠴᠣ | ᠬᠦᠭᠵᠢᠯᠳᠠ ᠶᠢ ᠠᠬᠢᠭᠤᠯᠣᠭᠰᠠᠨ ᠦᠨᠳᠦᠰᠦᠨ ᠪᠠᠳᠣᠯᠠᠭ᠎ᠠ ᠪᠣᠯᠣᠨ᠎ᠠ᠃ ᠪᠢᠳᠠ ᠡᠳᠡᠬᠡᠷ ᠠᠮᠵᠢᠯᠳᠠ ᠪᠦᠳᠦᠬᠡᠯ ᠢᠶᠠᠨ | ᠣᠯᠠᠮ ᠨᠠᠨᠳᠢᠩᠨᠠᠬᠤ ᠶᠢᠨ ᠬᠠᠮᠳᠣ ᠰᠢᠨ᠎ᠡ ᠨᠢᠬᠡᠨ ᠲᠡᠣᠬᠡᠨ ᠵᠣᠭᠰᠣᠴᠠ ᠠᠴᠠ ᠪᠦᠬᠦ ᠬᠤᠰᠢᠭᠤᠨ ᠤ ᠦᠬᠡᠷᠡᠴᠢᠯᠡᠯᠳᠠ | ᠬᠢᠵᠣ ᠴᠢᠯᠦᠬᠡᠳᠠᠢ ᠶᠠᠪᠣᠯᠴᠠᠬᠤ ᠪᠠ ᠣᠳᠣᠬᠢᠴᠢᠯᠠᠯᠳᠠ ᠶᠢ ᠪᠡᠶᠡᠯᠡᠬᠦᠯᠬᠦ ᠪᠠᠷ ᠲᠠᠰᠣᠷᠠᠯᠳᠠ ᠦᠬᠡᠢ ᠴᠢᠷᠮᠠᠶᠢᠨ᠎ᠠ᠃ | ᠲᠦᠯᠦᠬᠡᠯᠡᠭᠴᠢᠳ ᠡ᠂ ︽ᠠᠷᠪᠠᠨ ᠬᠤᠶᠠᠳᠣᠭᠠᠷ ᠲᠠᠪᠣᠨ ᠵᠢᠯ︾ ᠤᠨ ᠬᠤᠭᠤᠴᠠᠭᠠᠨ ᠳᠤ ᠣᠯᠣᠭᠰᠠᠨ | ᠠᠮᠵᠢᠯᠳᠠ ᠪᠦᠳᠣᠬᠡᠯ ᠬᠢᠯᠪᠠᠷ ᠪᠣᠰᠣ᠃ ᠡᠳᠡᠭᠡᠷ ᠪᠦᠳᠦᠮᠵᠢ ᠤᠳ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ | ᠪᠠ ᠬᠤᠰᠢᠭᠤ ᠨᠠᠮ ᠤᠨ ᠬᠤᠷᠢᠶᠠᠨ ᠤ ᠰᠢᠨᠵᠢᠯᠡᠬᠦ ᠣᠬᠠᠭᠠᠨᠴᠢ ᠰᠢᠢᠳᠪᠦᠷᠢᠳᠣ ᠪᠣᠳᠣᠯᠭ᠎ᠠ ᠪᠠ ᠵᠦᠪ ᠣᠨᠣᠪᠴᠢᠳᠠᠢ | ᠣᠳᠣᠷᠢᠳᠣᠯᠭ᠎ᠠ ᠶᠢᠨ ᠦᠷ᠎ᠡ ᠳ᠋ᠦᠩ ᠶᠤᠮ᠃ ᠮᠦᠨᠴᠣ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ | ᠳᠦᠮᠡᠨ ᠨᠢᠭᠳᠠᠷᠠᠨ ᠪᠦᠯᠬᠦᠮᠳᠡᠵᠦ᠂ ᠡᠬᠦᠳᠦᠯᠳᠡ ᠲᠠᠢ ᠪᠠᠷ ᠤᠷᠤᠭᠰᠢᠯᠠᠭᠰᠠᠨ ᠤ ᠦᠷ᠎ᠡ ᠳ᠋ᠦᠩ ᠶᠣᠮ᠃ ᠠᠳᠡ ᠪᠢ᠂ | ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠣ᠂ ᠠᠵᠢᠯ ᠤᠨ ᠹᠷᠤᠨᠲ ᠳᠡᠬᠡᠷ᠎ᠡ ᠪᠠᠨ ᠭᠠᠪᠰᠢᠭᠠᠶᠢᠯᠠᠨ | ᠠᠵᠢᠯᠯᠠᠵᠦ ᠪᠠᠶᠢᠭ᠎ᠠ ᠪᠦᠬᠦ ᠬᠤᠰᠢᠭᠤᠨ ᠤ ᠡᠯ᠎ᠡ ᠦᠨᠳᠦᠰᠦᠳᠠᠨ ᠤ ᠺᠠᠳ᠋ᠷ ᠤᠯᠠᠨ ᠲᠦᠮᠡᠨ ᠪᠤᠯᠤᠨ ᠪᠠᠷᠠᠭᠤᠨ | ᠦᠵᠦᠮᠦᠴᠢᠨ ᠬᠤᠰᠢᠭᠤᠨ ᠤ ᠦᠬᠡᠷᠡᠴᠢᠯᠡᠯᠳᠠ ᠬᠦᠭᠵᠢᠯᠳᠠ ᠪᠠ ᠣᠳᠣᠬᠢᠴᠢᠯᠠᠭᠰᠠᠨ ᠪᠦᠳᠣᠬᠡᠨ ᠪᠠᠶᠢᠭᠤᠯᠣᠯᠳᠠ ᠳᠤ | ᠦᠪᠡᠷ ᠤᠨ ᠬᠤᠪᠢ ᠨᠡᠮᠡᠷᠢ ᠪᠠᠨ ᠬᠠᠷᠠᠮ ᠦᠬᠡᠢ ᠵᠤᠷᠢᠭᠤᠯᠤᠭᠰᠠᠨ ᠪᠦᠬᠦ ᠨᠦᠬᠦᠳ ᠪᠠ ᠬᠦᠭᠵᠢᠯᠳᠡ ᠴᠡᠴᠡᠭᠯᠡᠯᠳᠡ | ᠶᠢ ᠠᠩᠬᠠᠷᠤᠨ ᠬᠠᠯᠠᠮᠵᠢᠯᠠᠬᠰᠠᠭᠠᠷ ᠢᠷᠡᠭᠰᠡᠨ ᠪᠦᠬᠦ ᠨᠠᠶᠢᠵᠠ ᠨᠠᠷ ᠲᠠᠭᠠᠨ ᠴᠢᠩ ᠰᠡᠳᠬᠢᠯ ᠤᠨ ᠳᠠᠯᠠᠷᠬᠠᠯ ᠪᠤᠯᠤᠨ | ᠡᠷᠬᠢᠮ ᠳᠡᠬᠡᠳᠦ ᠬᠦᠨᠳᠦᠳᠬᠡᠯ ᠢᠶᠠᠨ ᠳᠡᠪᠰᠢᠬᠦᠯᠵᠦ ᠪᠠᠶᠢᠨ᠎ᠠ ︕ | ᠪᠢᠳᠠ ᠠᠵᠢᠯ ᠤᠨ ᠠᠮᠵᠢᠯᠳᠠ ᠪᠠᠨ ᠳ᠋ᠦᠩᠨᠡᠬᠦ ᠶᠢᠨ ᠬᠠᠮᠳᠣ ᠢᠷᠡᠬᠡᠳᠣᠢ ᠳᠤ ᠣᠴᠠᠷᠠᠵᠣ ᠮᠡᠳᠡᠬᠦ ᠬᠦᠴᠢᠷ | ᠪᠡᠷᠬᠡᠰᠢᠶᠡᠯ ᠢ ᠪᠠᠰᠠ ᠰᠡᠷᠭᠡᠭ ᠢᠶᠠᠷ ᠣᠯᠵᠣ ᠬᠠᠷᠠᠬᠤ ᠬᠡᠷᠡᠭᠳᠠᠢ᠃ ᠬᠤᠷᠸ᠎ᠠ ᠠᠵᠤ ᠠᠬᠤᠢ ᠶᠢᠨ ᠪᠠᠭᠤᠷᠠᠬᠤ ᠳᠠᠷᠤᠯᠳᠠ | ᠠᠴᠠ ᠪᠤᠯᠵᠦ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠳᠠ ᠶᠢᠨ ᠢᠷᠡᠬᠡᠳᠦᠢ ᠳᠤ ᠲᠣᠯᠭᠠᠷᠠᠵᠣ | ᠮᠡᠳᠡᠬᠦ ᠦᠷᠢᠰᠦᠯᠳᠤᠬᠡᠨ ᠲᠦᠰᠦᠬᠡᠯᠡᠭᠰᠡᠨ ᠠᠴᠠ ᠬᠤᠯᠠ ᠬᠦᠨᠳᠤ ᠪᠠᠶᠢᠨ᠎ᠠ᠃ ᠪᠦᠬᠦ ᠬᠤᠰᠢᠭᠤᠨ ᠤ ᠠᠵᠣ ᠠᠬᠤᠢ | ᠨᠡᠶᠢᠬᠡᠮ ᠤᠨ ᠬᠦᠭᠵᠢᠯᠳᠠ ᠳᠤᠮᠳᠠ ᠪᠠᠭ᠎ᠠ ᠪᠤᠰᠤ ᠬᠦᠴᠢᠷᠳᠡᠯ ᠪᠠ ᠲᠦᠪᠡᠭ ᠪᠣᠳᠣᠯᠢᠶᠠᠨᠳᠠᠢ ᠠᠰᠠᠭᠤᠳᠠᠯ | ᠣᠷᠣᠰᠢᠭᠰᠠᠭᠠᠷ ᠪᠠᠶᠢᠨ᠎ᠠ᠄ ᠶᠡᠷᠦᠩᠬᠡᠶᠢᠯᠡᠭᠰᠡᠨ ᠠᠵᠣ ᠠᠬᠤᠢ ᠶᠢᠨ ᠪᠣᠳᠠᠳᠣ ᠬᠦᠴᠦᠨ ᠬᠦᠷᠦᠯᠴᠡᠬᠦ ᠦᠬᠡᠢ᠂ ᠬᠤᠳᠠ | ᠬᠦᠳᠡᠭᠡ᠂ ᠠᠵᠣ ᠠᠬᠤᠢ ᠨᠡᠶᠢᠬᠡᠮ ᠤᠨ ᠬᠦᠭᠵᠢᠯᠳᠠ ᠵᠣᠬᠢᠴᠠᠩᠭᠤᠢ ᠪᠣᠰᠣ᠂ ᠰᠠᠭᠤᠷᠢ ᠲᠦᠬᠦᠬᠡᠷᠣᠮᠵᠢ ᠪᠠ | ᠦᠨᠳᠦᠰᠦᠨ ᠣᠯᠠᠨ ᠨᠡᠶᠢᠳᠠ ᠶᠢᠨ ᠦᠢᠯᠡᠴᠢᠯᠡᠭᠡ ᠬᠤᠴᠣᠷᠣᠩᠭᠤᠢ᠂ ᠬᠤᠳᠠ ᠬᠦᠳᠡᠬᠡᠨ ᠤ ᠰᠠᠭᠤᠭᠠᠯᠢ ᠠᠷᠠᠳ ᠤᠨ | ᠣᠷᠣᠯᠭ᠎ᠠ ᠶᠢᠨ ᠬᠢᠷᠢ ᠲᠦᠪᠰᠢᠨ ᠲᠣᠣᠷ᠎ᠠ ᠪᠠᠶᠢᠭᠰᠠᠭᠠᠷ︔ ᠡᠬᠢ ᠪᠠᠶᠠᠯᠢᠭ ᠤᠨ ᠪᠣᠰᠣ ᠠᠵᠣ ᠦᠢᠯᠡᠰ᠂ ᠪᠠᠶᠢᠯᠳᠣᠬᠤ | ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠦᠷᠨᠢᠨ ᠬᠦᠭᠵᠢᠭᠰᠡᠨ ᠠᠵᠣ ᠦᠢᠯᠡᠰ ᠪᠠ ᠣᠳᠣ ᠦᠶ᠎ᠠ ᠶᠢᠨ ᠦᠢᠯᠡᠴᠢᠯᠡᠬᠡᠨ | ᠤ ᠦᠢᠯᠡᠰ ᠤᠨ ᠬᠦᠭᠵᠢᠯᠳᠠ ᠲᠣᠳᠠᠮᠠᠭ︔ ᠠᠮᠢ ᠠᠬᠤᠢ ᠣᠷᠴᠢᠨ ᠲᠣᠭᠤᠷᠢᠨ ᠬᠠᠷᠢᠴᠠᠩᠭᠤᠢ ᠪᠠᠷ ᠬᠡᠪᠡᠷᠡᠭ ᠣᠴᠢᠷ | ᠠᠴᠠ ︽ᠣᠷᠣᠭᠰᠢᠯᠠᠬᠤ ᠠᠴᠠ ᠪᠢᠰᠢ ᠣᠬᠤᠷᠢᠵᠣ ᠪᠣᠯᠬᠤ ᠦᠬᠡᠢ︾ ᠲᠡᠣᠬᠡᠨ ᠵᠠᠩᠬᠢᠯᠠᠭ᠎ᠠ ᠶᠢᠨ ᠴᠠᠭ ᠲᠤ | ᠣᠷᠣᠭᠰᠠᠨ ᠪᠠᠶᠢᠨ᠎ᠠ︔ ᠠᠵᠣ ᠠᠬᠤᠢ ᠶᠢᠨ ᠡᠷᠬᠢᠯᠳᠠ ᠶᠢᠨ ᠲᠣᠮᠳᠠ ᠣᠯᠠᠨ ᠲᠦᠭᠰᠢᠬᠦᠷᠢ ᠨᠢᠭᠤᠭᠳᠠᠵᠣ᠂ ᠨᠢᠬᠡ | ᠪᠦᠯᠦᠭ ᠠᠵᠣ ᠠᠬᠤᠶᠢᠯᠠᠯ ᠡᠵᠡᠩᠨᠡᠯᠳᠠ ᠬᠢᠬᠦ ᠳᠤ ᠬᠦᠴᠢᠷᠳᠡᠵᠣ ᠪᠠᠶᠢᠨ᠎ᠠ᠂ ᠡᠳ᠋ ᠤᠨ ᠵᠠᠰᠠᠭ ᠤᠨ ᠣᠷᠣᠯᠭ᠎ᠠ | ᠵᠠᠷᠣᠯᠭ᠎ᠠ ᠶᠢᠨ ᠵᠦᠷᠢᠴᠡᠯ ᠬᠠᠷᠢᠴᠠᠩᠭᠤᠢ ᠪᠠᠷ ᠲᠣᠪᠣᠶᠢᠮ᠎ᠠ ᠪᠠᠶᠢᠵᠣ᠂ ᠵᠠᠰᠠᠭ ᠤᠨ ᠣᠷᠳᠣᠨ ᠤ ᠴᠢᠨᠠᠷᠳᠠᠢ ᠦᠷᠢ | ᠦᠭᠴᠡᠭᠡ ᠠᠷᠪᠢᠨ ᠪᠠᠶᠢᠨ᠎ᠠ︔ ᠬᠠᠣᠯᠢ ᠪᠠᠷ ᠵᠠᠰᠠᠬᠤ᠂ ᠰᠢᠨ᠎ᠡ ᠶᠢ ᠡᠬᠦᠳᠬᠦ᠂ ᠠᠷᠢᠭᠤᠨ ᠴᠢᠭᠡᠴᠢ ᠪᠠ | ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠦᠳᠣᠬᠡᠨ ᠪᠠᠶᠢᠭᠤᠯᠬᠤ ᠳᠤ ᠡᠯ᠎ᠡ ᠲᠠᠯ᠎ᠠ ᠶᠢᠨ ᠠᠵᠢᠯ ᠢᠶᠠᠨ | ᠣᠯᠠᠮ ᠨᠢᠬᠡ ᠠᠯᠬᠤᠮ ᠴᠢᠩᠭᠠᠳᠬᠠᠵᠣ᠂ ᠠᠵᠣ ᠠᠬᠤᠢ ᠶᠢ ᠵᠣᠬᠢᠴᠠᠭᠤᠯᠬᠤ᠂ ᠣᠯᠠᠨ ᠨᠡᠶᠢᠳᠠ ᠶᠢᠨ ᠦᠢᠯᠡᠴᠢᠯᠡᠭᠡ᠂ | ᠵᠠᠬ᠎ᠠ ᠲᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠲᠠᠯ᠎ᠠ ᠳᠠᠬᠢ ᠠᠷᠭ᠎ᠠ ᠠᠪᠴᠢᠯ ᠢᠶᠠᠨ ᠰᠢᠨᠡᠳᠬᠡᠵᠣ᠂ ᠣᠯᠠᠮ ᠨᠢᠬᠡ | ᠠᠯᠬᠤᠮ ᠲᠡᠬᠦᠯᠳᠡᠷᠵᠢᠬᠦᠯᠬᠦ ᠴᠢᠬᠤᠯᠠᠳᠠᠢ ᠪᠠᠶᠢᠨ᠎ᠠ᠃ ᠪᠢᠳᠠ ᠡᠷᠬᠡᠪᠰᠢ ᠲᠡᠭᠡᠳᠣ ᠬᠡᠮᠵᠢᠶ᠎ᠡ ᠪᠠᠷ ᠬᠦᠨᠳᠦᠳᠬᠡᠨ | ᠦᠵᠡᠵᠣ᠂ ᠬᠦᠴᠢᠷ ᠲᠦᠪᠡᠭ ᠲᠠᠢ ᠠᠰᠠᠭᠤᠳᠠᠯ ᠢᠶᠠᠨ ᠬᠦᠨᠵᠡᠬᠡᠢ ᠰᠡᠳᠬᠢᠨ᠂ ᠪᠦᠳᠣᠮᠵᠢᠳᠠᠢ ᠠᠵᠢᠯᠯᠠᠨ ᠴᠣᠴᠠᠰᠢ | ᠦᠬᠡᠢ ᠴᠢᠷᠮᠠᠶᠢᠵᠣ ᠪᠠᠶᠢᠭᠠᠳ ᠡᠳᠡᠭᠡᠷ ᠠᠰᠠᠭᠤᠳᠠᠯ ᠢᠶᠠᠨ ᠰᠢᠢᠳᠪᠦᠷᠢᠯᠡᠬᠦ ᠬᠡᠷᠡᠭᠳᠠᠢ ᠪᠠᠶᠢᠨ᠎ᠠ᠃ ᠣᠨᠴᠠᠭᠠᠶᠢᠯᠠᠨ ᠡᠨᠡ | ᠬᠤᠶᠠᠷ ᠵᠢᠯ ᠪᠣᠯ ᠮᠠᠨ ᠤ ᠬᠤᠰᠢᠭᠤ ᠨᠢ ᠬᠦᠴᠢᠷ ᠪᠠᠷᠬᠡᠰᠢᠶᠠᠯ ᠢ ᠢᠯᠡᠨ ᠲᠠᠪᠠᠭ᠋ᠣ ᠵᠠᠩᠬᠢᠯᠠᠭ᠎ᠠ ᠶᠢᠨ ᠬᠤᠭᠤᠴᠠᠭ᠎ᠠ | ᠪᠣᠯᠣᠨ᠎ᠠ᠃ ᠡᠶᠢᠮᠣ ᠠᠴᠠ ᠡᠷᠬᠡᠪᠰᠢ ᠠᠵᠢᠯ ᠤᠨ ᠪᠣᠳᠠᠳᠠᠢ ᠦᠷ᠎ᠠ ᠪᠦᠳᠣᠮᠵᠢ ᠶᠢ ᠴᠢᠬᠤᠯᠠᠴᠢᠯᠠᠨ᠂ ᠲᠠᠪᠠᠭᠤᠯᠢᠭ | ᠢᠶᠠᠨ ᠪᠠᠳᠠᠷᠠᠭᠤᠯᠣᠨ ᠲᠣᠳᠠᠭᠤ ᠪᠠᠨ ᠨᠦᠬᠦᠪᠦᠷᠢᠯᠡᠵᠣ᠂ ᠴᠢᠷᠮᠠᠶᠢᠨ ᠠᠵᠢᠯᠯᠠᠨ᠂ ᠮᠠᠨ ᠤ ᠬᠤᠰᠢᠭᠤᠨ ᠤ ᠠᠵᠣ ᠠᠬᠤᠢ | ᠨᠡᠶᠢᠬᠡᠮ ᠤᠨ ᠬᠦᠭᠵᠢᠯᠳᠠ ᠶᠢ ᠲᠣᠭᠳᠠᠭᠤᠨ ᠢᠶᠠᠷ ᠠᠬᠢᠭᠤᠯᠣᠨ᠎ᠠ᠃ | ᠬᠤᠶᠠᠷ᠂ 2016 ᠤᠨ ᠤ ᠭᠤᠤᠯᠳᠠᠯᠭ᠎ᠠ ᠲᠠᠢ ᠠᠵᠢᠯ | 2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢ ᠬᠡᠷᠡᠭᠵᠢᠬᠦᠯᠬᠦ | ᠡᠬᠢᠯᠡᠯᠳᠡ ᠶᠢᠨ ᠵᠢᠯ ᠮᠦᠨᠴᠦ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠵᠢᠯ ᠮᠦᠷᠳᠡᠬᠡᠨ | ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯ ᠢ ᠰᠠᠶᠢᠳᠤᠷ ᠬᠢᠬᠦ | ᠵᠠᠩᠬᠢᠯᠠᠭ᠎ᠠ ᠶᠢᠨ ᠵᠢᠯ ᠪᠤᠯᠬᠤᠷ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠤᠭᠳᠠᠯ | ᠲᠠᠢ ᠶᠤᠮ᠃ ᠪᠢᠳᠡ ᠡᠷᠬᠡᠪᠰᠢ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠢ ᠵᠦᠪ ᠤᠨᠤᠪᠴᠢᠳᠠᠢ | ᠡᠵᠡᠮᠳᠡᠬᠦ᠂ ᠢᠳᠡᠪᠬᠢᠳᠠᠢ ᠤᠳᠤᠷᠢᠳᠤᠨ ᠵᠢᠯᠤᠭᠤᠳᠬᠤ ᠪᠡ ᠲᠡᠬᠦᠨ ᠳᠤ ᠰᠠᠨᠠᠭᠠᠴᠢᠯᠠᠭ᠎ᠠ ᠠᠴᠠ ᠪᠠᠨ ᠵᠤᠬᠢᠴᠠᠬᠤ ᠶᠢ | ᠪᠡᠶᠡᠯᠡᠬᠦᠯᠵᠦ᠂ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯ ᠤᠨ ᠬᠤᠭᠤᠴᠠᠭᠠᠨ ᠤ ᠲᠤᠳᠤᠭᠠᠳᠤ | ᠠᠭᠤᠯᠬᠤᠨ ᠤ ᠬᠤᠪᠢᠷᠠᠯᠳᠠ ᠶᠢ ᠬᠦᠨᠵᠡᠬᠡᠢ ᠲᠠᠨᠢᠵᠤ᠂ ︽ᠠᠷᠪᠠ ᠶᠢ ᠨᠡᠩ ᠴᠢᠬᠤᠯᠠᠴᠢᠯᠠᠬᠤ︾ ᠱᠠᠭᠠᠷᠳᠠᠯᠭ᠎ᠠ | ᠶᠤᠰᠤᠭᠠᠷ᠂ ᠠᠶᠤᠯ ᠲᠦᠭᠰᠢᠬᠦᠷᠢ ᠶᠢᠨ ᠦᠷᠢᠰᠦᠯᠳᠦᠬᠡᠨ ᠢ ᠪᠦᠳᠦᠮᠵᠢᠳᠠᠢ ᠠᠷᠭᠠᠴᠠᠭᠠᠵᠤ᠂ ᠵᠤᠷᠢᠭ ᠢᠶᠠᠨ | ᠬᠦᠪᠴᠢᠯᠡᠨ ᠰᠠᠶᠢᠳᠤᠷ ᠠᠵᠢᠯᠯᠠᠨ᠂ ᠡᠳᠡᠬᠡᠷ ᠬᠠᠷᠠᠯᠳᠠ ᠡᠬᠦᠷᠬᠡ ᠶᠢ ᠪᠡᠶᠡᠯᠡᠬᠦᠯᠬᠦ ᠶᠢ ᠪᠠᠳᠤᠯᠠᠬᠤ ᠬᠡᠷᠡᠭᠳᠠᠢ᠃ | ᠶᠡᠷᠤᠩᠬᠡᠢ ᠳᠤᠨᠢ ᠵᠠᠳᠠᠯᠪᠠᠯ᠂ ᠪᠢᠳᠡᠨ ᠳᠤ ᠦᠷᠢᠰᠦᠯᠳᠦᠬᠡᠨ ᠪᠠ ᠠᠵᠠ ᠲᠤᠬᠢᠶᠠᠯ ᠵᠡᠷᠬᠡᠪᠡᠷ ᠲᠤᠯᠭᠠᠷᠠᠵᠤ ᠪᠠᠶᠢᠬᠤ | ᠪᠤᠯᠪᠠᠴᠤ ᠠᠵᠠ ᠲᠤᠬᠢᠶᠠᠯ ᠨᠢ ᠦᠷᠢᠰᠦᠯᠳᠦᠬᠡᠨ ᠠᠴᠠ ᠪᠠᠨ ᠢᠯᠡᠬᠦᠦ ᠪᠠᠶᠢᠨ᠎ᠠ᠃ ᠮᠠᠨ ᠤ ᠬᠤᠰᠢᠭᠤ ᠨᠢ ᠭᠠᠵᠠᠷ | ᠨᠤᠳᠤᠭ ᠠᠭᠤᠳᠠᠮ᠂ ᠤᠷᠤᠨ ᠪᠠᠶᠢᠷᠢ ᠶᠢᠨ ᠳᠠᠪᠠᠭᠤᠯᠢᠭ ᠢᠶᠠᠷ ᠳᠤᠪᠤᠶᠢᠮ᠎ᠠ᠂ ᠠᠭᠤᠷᠬᠠᠢ ᠶᠢᠨ ᠡᠬᠢ ᠰᠣᠷᠪᠣᠯᠵᠢ ᠪᠠᠷ | ᠡᠯᠪᠡᠭ ᠪᠠᠶᠠᠯᠢᠭ᠂ ᠦᠪ ᠰᠤᠶᠤᠯ ᠢᠶᠠᠷ ᠥᠨᠢᠷ ᠦᠳᠬᠡᠨ᠂ ᠦᠨᠳᠦᠰᠦᠳᠡᠨ ᠤ ᠵᠠᠩ ᠳᠠᠳᠬᠠᠯ ᠢᠶᠠᠷ ᠦᠪᠡᠷᠮᠢᠴᠡ | ᠪᠤᠯᠬᠤᠷ ᠮᠠᠰᠢ ᠤᠯᠠᠨ ᠲᠠᠯ᠎ᠠ ᠶᠢᠨ ᠬᠠᠷᠢᠴᠠᠩᠭᠤᠢ ᠲᠠᠪᠠᠭᠤᠯᠢᠭ ᠢ ᠪᠦᠷᠢᠯᠳᠦᠬᠦᠯᠦᠭᠰᠡᠨ ᠪᠠᠶᠢᠳᠠᠭ᠃ ᠤᠶᠢᠷ᠎ᠠ ᠶᠢᠨ | ᠬᠡᠳᠦᠨ ᠵᠢᠯ ᠤᠨ ᠠᠵᠤ ᠠᠬᠤᠢ ᠶᠢᠨ ᠬᠦᠭᠵᠢᠯᠳᠡ ᠶᠢ ᠲᠠᠭᠠᠯᠳᠤᠨ᠂ ᠠᠵᠤ ᠦᠢᠯᠡᠰ ᠤᠨ ᠪᠠᠶᠢᠷᠢᠯᠠᠭᠤᠯᠤᠯᠳᠠ ᠨᠡᠩ | ᠵᠤᠬᠢᠰᠳᠠᠢ ᠪᠤᠯᠵᠦ᠂ ᠠᠵᠤ ᠠᠬᠤᠶᠢᠯᠠᠯ ᠤᠨ ᠬᠦᠴᠦᠨ ᠳᠠᠰᠤᠷᠠᠯᠳᠠ ᠦᠬᠡᠢ ᠪᠤᠵᠠᠭᠠᠶᠢᠷᠠᠭᠰᠠᠨ ᠨᠢ ᠳᠠᠷᠠᠭᠠᠴᠢ ᠶᠢᠨ | ᠠᠯᠬᠤᠮ ᠤᠨ ᠠᠵᠤ ᠠᠬᠤᠢ ᠶᠢᠨ ᠬᠦᠭᠵᠢᠯᠳᠡ ᠳᠤ ᠰᠠᠭᠤᠷᠢ ᠲᠠᠯᠪᠢᠭᠰᠠᠨ ᠪᠠᠶᠢᠨ᠎ᠠ᠃ ᠰᠢᠯᠢ ᠶᠢᠨ ᠭᠤᠤᠯ ᠠᠶᠢᠮᠠᠭ | ᠠᠴᠠ ᠱᠠᠨᠳᠦ᠋ᠩ ᠮᠤᠵᠢ ᠶᠢᠨ ᠵᠢᠨᠠᠨ ᠬᠦᠷᠬᠦ᠂ ᠰᠢᠯᠢ ᠶᠢᠨ ᠭᠤᠤᠯ ᠠᠶᠢᠮᠠᠭ ᠠᠴᠠ ᠵᠢᠶᠠᠩᠰᠤ ᠮᠤᠵᠢ ᠶᠢᠨ ᠲᠠᠶᠢᠵᠸᠤ | ᠬᠦᠷᠬᠦ ᠵᠡᠷᠬᠡ ᠤᠨᠴᠠ ᠦᠨᠳᠦᠷ ᠬᠦᠴᠦᠳᠡᠯᠳᠦ ᠴᠠᠬᠢᠯᠭᠠᠨ ᠲᠠᠮᠵᠢᠭᠤᠯᠬᠤ ᠱᠤᠭᠤᠮ ᠤᠨ ᠪᠦᠳᠦᠬᠡᠨ ᠪᠠᠶᠢᠭᠤᠯᠤᠯᠳᠠ | ᠶᠢ ᠲᠠᠭᠠᠯᠳᠤᠨ᠂ ᠨᠢᠬᠡ ᠪᠦᠯᠦᠭ ᠴᠠᠬᠢᠯᠭᠠᠨ ᠭᠠᠷᠭᠠᠬᠤ ᠲᠦᠷᠦᠯ ᠵᠦᠢᠯ ᠢ ᠲᠦᠷᠬᠡᠳᠬᠡᠨ ᠠᠬᠢᠭᠤᠯᠵᠤ᠂ ᠬᠦᠭᠵᠢᠯᠳᠡ | ᠶᠢᠨ ᠲᠠᠯᠳᠠ ᠬᠦᠴᠦᠨ ᠢ ᠬᠤᠷᠠᠮᠳᠤᠭᠤᠯᠬᠤ ᠳᠤ ᠴᠢᠬᠤᠯᠠ ᠳᠦᠯᠬᠢᠴᠡ ᠦᠢᠯᠡᠳᠦᠯ ᠲᠠᠢ ᠮᠦᠷᠳᠡᠬᠡᠨ ᠡᠳᠡᠬᠡᠷ | ᠳᠦᠷᠦᠯ ᠵᠦᠢᠯ ᠤᠨ ᠦᠷ᠎ᠡ ᠠᠰᠢᠭ ᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ | ᠰᠡᠬᠦᠯᠴᠢ ᠶᠢᠨ ᠭᠤᠷᠪᠠᠨ ᠵᠢᠯ ᠳᠤ ᠬᠦᠷᠳᠡᠵᠦ᠂ ᠪᠢᠳᠡᠨ ᠤ ᠪᠦᠳᠦᠴᠡ ᠪᠠᠨ ᠲᠤᠬᠢᠷᠠᠭᠤᠯᠵᠤ᠂ ᠲᠤᠳᠠᠭᠳᠠᠯ ᠢᠶᠠᠨ | ᠨᠦᠬᠦᠪᠦᠷᠢᠯᠡᠬᠦ ᠳᠤ ᠴᠢᠬᠤᠯᠠ ᠠᠵᠠ ᠵᠠᠪᠰᠢᠶᠠᠨ ᠢ ᠤᠯᠭᠤᠬᠤ ᠪᠤᠯᠤᠨ᠎ᠠ᠃ ᠬᠦᠭᠵᠢᠭᠰᠡᠨ ᠭᠠᠵᠠᠷ ᠤᠷᠤᠨ ᠤ ᠠᠵᠤ | ᠦᠢᠯᠡᠰ ᠤᠨ ᠰᠢᠯᠵᠢᠯᠳᠡ ᠶᠢᠨ ᠲᠦᠷᠬᠡᠰᠬᠦ ᠶᠢ ᠲᠠᠭᠠᠯᠳᠤᠨ᠂ ᠦᠢᠯᠡᠳᠪᠦᠷᠢᠯᠡᠬᠦ ᠴᠢᠳᠠᠪᠬᠢ ᠶᠢ ᠲᠤᠬᠢᠷᠠᠭᠤᠯᠤᠨ | ᠰᠤᠯᠢᠯᠴᠠᠬᠤ ᠠᠵᠢᠯ ᠢ ᠲᠡᠰ ᠲᠠᠷᠠᠭᠠᠯᠠᠯ ᠲᠠᠢ ᠪᠠᠷ ᠠᠬᠢᠭᠤᠯᠤᠨ᠂ ᠮᠠᠨ ᠤ ᠬᠤᠰᠢᠭᠤ ᠪᠠᠨ ᠤᠯᠠᠨ ᠲᠠᠯ᠎ᠠ ᠳᠤ | ᠳᠤᠯᠭᠠᠭᠤᠷᠢᠯᠠᠨ᠂ ᠤᠯᠠᠨ ᠡᠰᠢᠵᠢᠭᠰᠡᠨ ᠬᠦᠭᠵᠢᠯᠳᠡ ᠶᠢᠨ ᠠᠵᠤ ᠠᠬᠤᠢ ᠶᠢᠨ ᠬᠡᠪ ᠵᠠᠭᠪᠤᠷ ᠢ ᠪᠤᠢ ᠪᠤᠯᠭᠠᠬᠤ ᠳᠤ | ᠨᠦᠬᠦᠴᠡᠯ ᠪᠦᠷᠢᠯᠳᠦᠬᠦᠯᠵᠠᠢ᠃ ᠪᠢᠳᠡᠨ ᠡᠷᠬᠡᠪᠰᠢ ᠢᠳᠡᠬᠡᠯ ᠵᠤᠷᠢᠭ ᠢᠶᠠᠨ ᠬᠦᠪᠴᠢᠯᠡᠨ᠂ ᠴᠢᠷᠮᠠᠶᠢᠨ ᠠᠵᠢᠯᠯᠠᠵᠦ᠂ | ᠳᠤᠭᠳᠠᠭᠤᠨ ᠦᠰᠦᠯᠳᠡ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ᠂ ᠪᠦᠳᠦᠴᠡ ᠶᠢ ᠳᠤᠬᠢᠷᠠᠭᠤᠯᠬᠤ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠠ ᠳᠦᠭᠰᠢᠬᠦᠷᠢ ᠶᠢ ᠠᠷᠭᠠᠴᠠᠭᠠᠬᠤ ᠶᠢ ᠪᠠᠷᠢᠮᠳᠠᠯᠠᠵᠦ᠂ ᠮᠠᠨ ᠤ ᠬᠤᠰᠢᠭᠤᠨ ᠤ | ᠦᠢᠯᠡᠳᠪᠤᠷᠢᠯᠡᠯ ᠤᠨ ᠬᠦᠴᠦᠨ ᠤ ᠬᠢᠷᠢ ᠳᠦᠪᠰᠢᠨ ᠢ ᠶᠡᠷᠤᠩᠬᠡᠢ ᠳᠤᠨᠢ ᠰᠠᠶᠢᠵᠢᠷᠠᠭᠤᠯᠤᠨ᠂ ︽ᠠᠷᠪᠠᠨ | ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠬᠡ ᠶᠢᠨ ᠰᠠᠶᠢᠨ ᠡᠬᠢᠯᠡᠯᠳᠡ ᠶᠢ ᠪᠠᠳᠤᠯᠠᠨ᠎ᠠ᠃ | ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ | ᠪᠦᠬᠦᠳᠡ ᠬᠤᠷᠠᠯ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠤᠯᠤᠨ ᠮᠠᠨ ᠤ ᠤᠷᠤᠨ ᠢᠶᠠᠷ | ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠲᠦᠪ | ᠂ ᠦᠪᠡᠷᠳᠡᠬᠡᠨ ᠵᠠᠰᠠᠬᠤ ᠤᠷᠤᠨ᠂ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠪᠤᠯᠤᠨ ᠬᠤᠰᠢᠭᠤ | ᠨᠠᠮ ᠤᠨ ᠬᠤᠷᠢᠶᠠᠨ ᠤ ᠪᠦᠬᠦ ᠬᠡᠰᠢᠬᠦᠳ ᠤᠨ ᠦᠷᠬᠡᠳᠬᠡᠭᠰᠡᠨ ᠬᠤᠷᠠᠯ ᠵᠢᠴᠢ ᠪᠦᠬᠦ ᠬᠤᠰᠢᠭᠤᠨ ᠤ ᠠᠵᠣ ᠠᠬᠤᠢ | ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠳᠡᠬᠡᠨ ᠵᠠᠰᠠᠬᠤ | ᠤᠷᠤᠨ ᠤ ︽8337︾ ᠬᠦᠭᠵᠢᠯᠳᠡ ᠶᠢᠨ ᠰᠡᠳᠬᠢᠴᠡ ᠶᠢ ᠬᠦᠨᠵᠡᠬᠡᠢ ᠲᠤᠤᠱᠯᠠᠭᠤᠯᠤᠨ᠂ ︽ᠲᠦᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠲᠦᠯᠬᠢᠨ ᠠᠬᠢᠭᠤᠯᠵᠤ᠂ ᠰᠢᠨ᠎ᠡ | ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠬᠡᠢ᠂ ᠨᠡᠬᠡᠬᠡᠯᠳᠡ ᠬᠢᠬᠦ᠂ ᠬᠠᠮᠳᠤᠪᠡᠷ ᠡᠳ᠋ᠯᠡᠬᠦ ᠭᠦᠭᠵᠢᠯᠳᠡ ᠶᠢᠨ | ᠤᠶᠢᠯᠠᠭᠠᠭᠳᠠᠬᠤᠨ ᠢ ᠦᠨᠡᠨᠬᠦ ᠲᠤᠤᠱᠯᠠᠭᠤᠯᠤᠨ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ | ᠰᠠᠨᠠᠭᠠᠴᠢᠯᠠᠭ᠎ᠠ ᠠᠴᠠ ᠪᠠᠨ ᠵᠤᠬᠢᠴᠠᠨ᠂ ᠲᠤᠭᠳᠠᠭᠤᠨ ᠢᠶᠠᠷ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠳᠠᠯᠠᠵᠤ᠂ ︽ᠭᠤᠷᠪᠠ ᠶᠢ ᠪᠠᠷᠢᠮᠳᠠᠯᠠᠵᠤ᠂ ᠭᠤᠷᠪᠠ ᠶᠢ ᠪᠦᠳᠦᠬᠡᠨ ᠪᠠᠶᠢᠭᠤᠯᠬᠤ︾ ᠠᠵᠢᠯ ᠤᠨ | ᠵᠢᠯᠤᠭᠤᠳᠤᠮᠵᠢ ᠶᠢ ᠦᠨᠳᠦᠰᠦᠯᠡᠨ᠂ ᠠᠵᠤ ᠠᠬᠤᠢ ᠶᠢᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ | ᠰᠤᠶᠤᠯ ᠤᠨ ᠪᠠᠶᠢᠭᠤᠯᠤᠯᠳᠠ᠂ ᠨᠡᠶᠢᠬᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ | ᠪᠤᠯᠤᠨ ᠨᠠᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠷᠸ᠎ᠠ ᠵᠢᠯᠤᠭᠤᠳᠤᠯᠭ᠎ᠠ ᠬᠢᠬᠡᠳ | ᠬᠤᠮᠠᠬᠢ ᠬᠠᠮᠢᠶᠠᠷᠤᠯᠳᠠ᠂ ᠡᠬᠢ ᠪᠠᠶᠠᠯᠢᠭ ᠢ ᠨᠡᠬᠡᠬᠡᠨ ᠬᠦᠭᠵᠢᠬᠦᠯᠬᠦ ᠬᠢᠬᠡᠳ ᠤᠷᠴᠢᠨ ᠲᠤᠭᠤᠷᠢᠨ ᠢ ᠬᠠᠮᠠᠭᠠᠯᠠᠬᠤ᠂ | ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠬᠢᠬᠡᠳ ᠦᠷᠢ ᠦᠭᠴᠡᠭᠡ ᠶᠢᠨ ᠲᠦᠭᠰᠢᠬᠦᠷᠢ᠂ ᠬᠦᠭᠵᠢᠯᠳᠡ ᠶᠢ | ᠲᠦᠷᠬᠡᠳᠬᠡᠬᠦ ᠬᠢᠬᠡᠳ ᠲᠤᠭᠳᠠᠭᠤᠨ ᠢ ᠬᠠᠮᠠᠭᠠᠯᠠᠬᠤ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠦ᠂ ᠤᠬᠠᠭᠠᠨ ᠴᠢᠳᠠᠯ | ᠢ ᠨᠢᠭᠳᠠᠷᠠᠭᠤᠯᠤᠨ᠂ ᠬᠦᠴᠢᠷ ᠪᠡᠷᠬᠡ ᠶᠢ ᠢᠯᠠᠨ ᠲᠠᠪᠠᠵᠤ᠂ ᠡᠳ᠋ ᠪᠤᠳᠠᠰ ᠡᠯᠪᠡᠭ ᠪᠠᠶᠠᠯᠢᠭ᠂ ᠤᠶᠤᠨ ᠰᠠᠨᠠᠭ᠎ᠠ | ᠴᠢᠬᠡᠴᠢ ᠪᠤᠯᠪᠠᠰᠤᠨ ᠤᠳᠤᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠴᠢᠷᠮᠠᠶᠢᠨ ᠪᠠᠶᠢᠭᠤᠯᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠤᠬᠢ | ᠰᠠᠶᠢᠨ ᠡᠬᠢᠯᠡᠯᠳᠡ ᠶᠢ ᠪᠠᠳᠤᠯᠠᠨ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠳᠠ ᠶᠢ ᠪᠡᠶᠡᠯᠡᠬᠦᠯᠬᠦ | ᠶᠢᠨ ᠲᠦᠯᠦᠬᠡ ᠴᠦᠬᠦᠷᠡᠯ ᠦᠬᠡᠢ ᠴᠢᠷᠮᠠᠶᠢᠨ ᠲᠡᠮᠡᠴᠡᠬᠦ ᠬᠡᠷᠡᠭᠳᠠᠢ᠃ | ᠡᠨᠡᠬᠦ ᠱᠠᠭᠠᠷᠳᠠᠯᠭ᠎ᠠ ᠶᠤᠰᠤᠭᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ | ᠡᠮᠦᠨ᠎ᠡ ᠬᠤᠶᠠᠷ ᠵᠢᠯ ᠨᠢ ᠮᠠᠨ ᠤ ᠬᠤᠰᠢᠭᠤᠨ ᠤ ᠭᠤᠤᠯᠳᠠᠯᠭᠠᠳᠤ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ | ᠤᠷᠬᠢᠯ ᠤᠨ ᠬᠤᠭᠤᠴᠠᠭ᠎ᠠ ᠪᠤᠯᠬᠤ ᠪᠤᠳᠠᠳᠤ ᠪᠠᠶᠢᠳᠠᠯ ᠢ ᠪᠤᠳᠤᠯᠬᠢᠯᠠᠵᠤ᠂ 2016 ᠤᠨ ᠤ ᠮᠠᠨ ᠤ ᠬᠤᠰᠢᠭᠤᠨ ᠤ | ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠤᠷᠢᠳᠴᠢᠯᠡᠨ ᠵᠢᠱᠢᠭᠰᠡᠨ ᠬᠠᠷᠠᠯᠳᠠ ᠬᠡᠪᠡᠯ᠄ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ 123.2 ᠳ᠋ᠦᠩᠰᠢᠭᠤᠷ ᠲᠦᠬᠦᠷᠢᠭ ᠲᠤ ᠬᠦᠷᠬᠡᠵᠦ᠂ 9.6% ᠪᠠᠷ | ᠨᠡᠮᠡᠭᠳᠡᠬᠦᠯᠦᠨ᠎ᠡ︔ ᠡᠬᠦᠨ ᠳᠤ ᠨᠢᠬᠡᠳᠦᠬᠡᠷ ᠠᠵᠤ ᠦᠢᠯᠡᠰ ᠤᠨ ᠨᠡᠮᠡᠭᠳᠡᠯ ᠦᠷᠳᠡᠭ ᠢ 16.5 ᠳ᠋ᠦᠩᠰᠢᠭᠤᠷ | ᠲᠦᠬᠦᠷᠢᠭ ᠲᠤ ᠬᠦᠷᠬᠡᠵᠦ᠂ 5.4% ᠪᠠᠷ ᠨᠡᠮᠡᠭᠳᠡᠬᠦᠯᠦᠨ᠎ᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠦᠷᠳᠡᠭ ᠢ 88.5 ᠳ᠋ᠦᠩᠰᠢᠭᠤᠷ ᠲᠦᠬᠦᠷᠢᠭ ᠲᠤ ᠬᠦᠷᠬᠡᠵᠦ᠂ 11% ᠪᠠᠷ ᠨᠡᠮᠡᠭᠳᠡᠬᠦᠯᠦᠨ᠎ᠡ︔ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ ᠦᠷᠳᠡᠭ ᠢ 18.2 ᠳ᠋ᠦᠩᠰᠢᠭᠤᠷ ᠲᠦᠬᠦᠷᠢᠭ ᠲᠤ ᠬᠦᠷᠬᠡᠵᠦ᠂ 10% ᠪᠠᠷ | ᠨᠡᠮᠡᠭᠳᠡᠬᠦᠯᠦᠨ᠎ᠡ᠃ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 101.2 | ᠳ᠋ᠦᠩᠰᠢᠭᠤᠷ ᠲᠦᠬᠦᠷᠢᠭ ᠪᠡᠶᠡᠯᠡᠬᠦᠯᠵᠦ᠂ 21.9% ᠪᠠᠷ ᠨᠡᠮᠡᠭᠳᠡᠬᠦᠯᠦᠨ᠎ᠡ᠃ ᠤᠯᠠᠨ ᠨᠡᠶᠢᠳᠡ ᠶᠢᠨ ᠡᠳ᠋ ᠤᠨ ᠵᠠᠰᠠᠭ | ᠤᠨ ᠲᠦᠰᠦᠪ ᠤᠨ ᠤᠷᠤᠯᠭ᠎ᠠ ᠶᠢ 20.7 ᠳ᠋ᠦᠩᠰᠢᠭᠤᠷ ᠲᠦᠬᠦᠷᠢᠭ ᠲᠤ ᠬᠦᠷᠬᠡᠵᠦ᠂ 9% ᠪᠠᠷ ᠨᠡᠮᠡᠭᠳᠡᠬᠦᠯᠦᠨ᠎ᠡ᠃ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠬᠤᠪᠢᠶᠠᠷᠢᠯᠠᠵᠦ ᠪᠤᠯᠬᠤᠶᠢᠴᠠ | ᠤᠷᠤᠯᠭ᠎ᠠ ᠶᠢ 33692 ᠲᠦᠬᠦᠷᠢᠭ ᠲᠤ ᠬᠦᠷᠬᠡᠵᠦ᠂ 9% ᠪᠠᠷ ᠨᠡᠮᠡᠭᠳᠡᠬᠦᠯᠦᠨ᠎ᠡ︔ ᠮᠠᠯᠵᠢᠬᠤ ᠤᠷᠤᠨ ᠤ | ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠤᠮᠳᠠᠴᠢ ᠬᠤᠪᠢᠶᠠᠷᠢᠯᠠᠵᠦ ᠪᠤᠯᠬᠤᠶᠢᠴᠠ ᠤᠷᠤᠯᠭ᠎ᠠ ᠶᠢ | 22315 ᠲᠦᠬᠦᠷᠢᠭ ᠲᠤ ᠬᠦᠷᠬᠡᠵᠦ᠂ 10% ᠪᠠᠷ ᠨᠡᠮᠡᠭᠳᠡᠬᠦᠯᠦᠨ᠎ᠡ᠃ ᠨᠡᠶᠢᠬᠡᠮ ᠤᠨ ᠬᠡᠷᠡᠭᠯᠡᠬᠡᠨ ᠤ ᠵᠢᠵᠢᠭᠯᠡᠨ | ᠪᠤᠷᠤᠭᠤᠯᠤᠯᠳᠠ ᠶᠢᠨ ᠶᠡᠷᠦᠩᠬᠡᠢ ᠦᠷᠳᠡᠭ ᠢ 20.3 ᠳ᠋ᠦᠩᠰᠢᠭᠤᠷ ᠲᠦᠬᠦᠷᠢᠭ ᠲᠤ ᠬᠦᠷᠬᠡᠵᠦ᠂ 8% ᠪᠠᠷ | ᠨᠡᠮᠡᠭᠳᠡᠬᠦᠯᠦᠨ᠎ᠡ᠃ ᠦᠨᠦ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠤᠷᠢᠳᠴᠢᠯᠡᠨ ᠵᠢᠱᠢᠭᠰᠡᠨ | ᠬᠠᠷᠠᠯᠳᠠ ᠶᠢ ᠪᠡᠶᠡᠯᠡᠬᠦᠯᠬᠦ ᠳᠤ ᠪᠢᠳᠡ ᠡᠷᠬᠡᠪᠰᠢ ᠳᠤᠤᠷᠠᠬᠢ ᠭᠤᠤᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ | ᠰᠠᠶᠢᠳᠤᠷ ᠠᠳᠬᠤᠨ᠎ᠠ᠃ | ︵ᠨᠢᠬᠡ︶ ᠪᠤᠬᠢᠷᠳᠤᠯ ᠦᠬᠡᠢ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠡ᠃ ᠪᠤᠬᠢᠷᠳᠤᠯ ᠦᠬᠡᠢ | ᠬᠦᠭᠵᠢᠯᠳᠡ ᠶᠢᠨ ᠤᠶᠢᠯᠠᠭᠠᠭᠳᠠᠬᠤᠨ ᠢ ᠲᠡᠷᠢᠬᠦᠨ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠤᠷᠴᠢᠨ ᠲᠤᠭᠤᠷᠢᠨ | ᠢ ᠬᠠᠮᠠᠭᠠᠯᠠᠬᠤ ᠪᠠᠷ ᠤᠷᠢᠳᠠᠯ ᠪᠤᠯᠭᠠᠬᠤ ᠶᠢ ᠪᠠᠷᠢᠮᠳᠠᠯᠠᠨ᠎ᠠ᠃ ᠨᠢᠬᠡ ᠳᠤ᠂ ᠠᠮᠢ ᠠᠬᠤᠢ ᠶᠢ ᠬᠠᠮᠠᠭᠠᠯᠠᠬᠤ ᠰᠡᠷᠡᠮᠵᠢ | ᠶᠢᠨ ᠱᠤᠭᠤᠮ ᠤᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ᠰᠡᠷᠡᠮᠵᠢ ᠶᠢᠨ ᠱᠤᠭᠤᠮ ᠤᠨ ᠬᠡᠪᠴᠢᠶᠡᠨ | ᠲᠤᠳᠤᠷᠠᠬᠢ ᠨᠡᠬᠡᠬᠡᠯᠳᠡ ᠶᠢᠨ ᠠᠵᠢᠯᠯᠠᠭ᠎ᠠ ᠶᠢ ᠴᠡᠭᠴᠡᠯᠡᠨ᠎ᠡ᠃ ︽ᠬᠡᠨ ᠵᠦᠪᠰᠢᠶᠡᠷᠡᠪᠡᠯ ᠬᠡᠨ ᠬᠠᠷᠢᠭᠤᠴᠠᠬᠤ᠂ ᠬᠡᠨ | ᠡᠪᠳᠡᠯᠡᠨ ᠰᠦᠢᠳᠬᠡᠪᠡᠯ ᠬᠡᠨ ᠰᠡᠷᠬᠦᠬᠡᠬᠦ︾ ᠵᠠᠷᠴᠢᠮ ᠶᠤᠰᠤᠭᠠᠷ᠂ ᠬᠡᠬᠡᠷ᠎ᠡ ᠲᠠᠯ᠎ᠠ ᠲᠡᠬᠡᠷ᠎ᠡ ᠲᠦᠷ ᠴᠠᠭ ᠠᠵᠢᠯ ᠬᠢᠬᠦ | ᠵᠢᠴᠢ ᠨᠤᠳᠤᠭ ᠪᠡᠯᠴᠢᠬᠡᠷ ᠢ ᠲᠠᠳᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠬᠤ ᠠᠵᠢᠯ ᠢ ᠬᠠᠤᠯᠢ ᠶᠤᠰᠤᠭᠠᠷ | ᠲᠦᠷᠢᠮᠵᠢᠬᠦᠯᠵᠦ᠂ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ ᠪᠤᠯᠤᠨ ᠠᠰᠢᠭᠯᠠᠨ | ᠬᠠᠮᠢᠶᠠᠷᠬᠤ ᠶᠢ ᠴᠢᠩᠭᠠᠳᠬᠠᠵᠤ᠂ ᠲᠠᠯ᠎ᠠ ᠨᠤᠳᠤᠭ ᠤᠨ ᠠᠮᠢ ᠠᠬᠤᠢ ᠶᠢ ᠡᠪᠳᠡᠬᠦ ᠠᠵᠢᠯ ᠢ ᠡᠷᠡᠰ ᠬᠤᠷᠢᠭᠯᠠᠨ᠎ᠠ᠃ | ᠠᠮᠢ ᠠᠬᠤᠢ ᠶᠢᠨ ᠪᠤᠯᠪᠠᠰᠤᠨ ᠤ ᠬᠢᠷᠢ ᠪᠦᠳᠦᠮᠵᠢ ᠶᠢᠨ ᠬᠢᠨᠠᠨ ᠰᠢᠯᠭᠠᠯᠳᠠ ᠪᠤᠯᠤᠨ ᠬᠠᠷᠢᠭᠤᠴᠠᠯᠭ᠎ᠠ ᠨᠡᠬᠡᠮᠵᠢᠯᠡᠬᠦ | ᠰᠢᠰᠲ᠋ᠧᠮ ᠵᠢᠴᠢ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠲᠤᠰᠢᠶᠠᠯ ᠠᠴᠠ | ᠰᠠᠯᠬᠤ ᠦᠶ᠎ᠡ ᠶᠢᠨ ᠬᠢᠨᠠᠨ ᠪᠤᠳᠤᠯᠳᠠ᠂ ᠠᠮᠢ ᠠᠬᠤᠢ ᠶᠢᠨ ᠤᠷᠴᠢᠨ ᠲᠤᠭᠤᠷᠢᠨ ᠤ ᠠᠯᠳᠠᠭ᠎ᠠ ᠤᠰᠤᠯ ᠳᠤ | ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠤᠭᠳᠠᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠪᠠ ᠡᠬᠢ ᠪᠠᠶᠠᠯᠢᠭ | ᠢ ᠬᠦᠨᠳᠦ ᠨᠤᠴᠢᠳᠠᠢ ᠡᠪᠳᠡᠨ ᠰᠦᠢᠳᠬᠡᠭᠰᠡᠨ ᠬᠠᠷᠢᠭᠤᠴᠠᠯᠭᠠᠳᠠᠨ ᠠᠴᠠ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ | ᠃ ᠬᠤᠶᠠᠷ ᠲᠤ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠰᠢᠨ᠎ᠡ ᠨᠢᠬᠡ ᠡᠬᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ | ᠪᠤᠳᠤᠯᠭ᠎ᠠ ᠶᠢ ᠬᠡᠷᠡᠭᠵᠢᠬᠦᠯᠵᠦ᠂ ᠨᠦᠬᠦᠪᠦᠷᠢ ᠶᠢᠨ ᠪᠠᠷᠢᠮᠵᠢᠶ᠎ᠠ ᠶᠢ ᠨᠢ ᠳᠡᠬᠡᠭᠰᠢᠯᠡᠬᠦᠯᠦᠨ᠂ ᠰᠡᠯᠬᠦᠨ ᠮᠠᠯᠵᠢᠬᠤ᠂ | ᠪᠡᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠬᠡᠷ ᠤᠨ ᠳᠡᠩᠴᠡᠬᠦᠷᠢ ᠶᠢᠨ ᠳᠦᠷᠢᠮ ᠢ ᠲᠡᠬᠦᠯᠳᠡᠷᠵᠢᠬᠦᠯᠵᠦ᠂ | ᠨᠤᠳᠤᠭ ᠪᠡᠯᠴᠢᠬᠡᠷ ᠠᠮᠢ ᠠᠬᠤᠢ ᠶᠢ ᠦᠷᠬᠦᠯᠵᠢᠯᠡᠨ ᠰᠠᠶᠢᠵᠢᠷᠠᠭᠤᠯᠤᠨ᠎ᠠ᠃ ᠢᠵᠢ ᠪᠦᠷᠢᠳᠦᠭᠰᠡᠨ ᠲᠦᠷᠦ ᠶᠢᠨ | ᠪᠤᠳᠤᠯᠭ᠎ᠠ ᠪᠠ ᠬᠢᠨᠠᠨ ᠬᠠᠮᠢᠶᠠᠷᠬᠤ ᠵᠤᠬᠢᠴᠠᠮᠵᠢ ᠶᠢ ᠲᠡᠬᠦᠯᠳᠡᠷᠵᠢᠬᠦᠯᠵᠦ᠂ ᠱᠠᠩᠨᠠᠨ ᠨᠦᠬᠦᠪᠦᠷᠢᠯᠡᠬᠦ ᠮᠦᠩᠬᠦ ᠶᠢᠨ | ᠲᠠᠷᠬᠠᠭᠠᠯᠳᠠ ᠶᠢ ᠪᠡᠯᠴᠢᠬᠡᠷᠯᠡᠬᠦᠯᠬᠦ ᠶᠢ ᠵᠤᠭᠰᠤᠭᠠᠬᠤ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠡᠬᠦᠷᠬᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠪᠤᠷᠳᠤᠨ ᠲᠡᠵᠢᠬᠡᠬᠦ ᠬᠠᠮᠢᠶᠠᠷᠤᠯᠳᠠ ᠶᠢᠨ ᠬᠡᠯᠪᠡᠷᠢ ᠵᠡᠷᠬᠡ ᠲᠠᠢ ᠬᠠᠷᠢᠯᠴᠠᠨ | ᠬᠤᠯᠪᠤᠵᠤ᠂ ᠲᠦᠷᠦ ᠶᠢᠨ ᠪᠤᠳᠤᠯᠭ᠎ᠠ ᠶᠢ ᠦᠨᠡᠨ ᠪᠤᠳᠠᠳᠠᠢ ᠬᠡᠷᠡᠭᠵᠢᠬᠦᠯᠵᠦ᠂ ᠪᠡᠯᠡ ᠮᠦᠩᠬᠦᠨ ᠤ ᠦᠢᠯᠡᠳᠦᠯ ᠢ ᠨᠢ | ᠦᠨᠡᠨᠬᠦ ᠪᠠᠳᠠᠷᠠᠭᠤᠯᠤᠨ᠎ᠠ᠃ ᠭᠤᠷᠪᠠ ᠳᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ | ᠃ ᠪᠡᠬᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢᠶᠠᠷ | ᠭᠤᠤᠯ ᠪᠤᠯᠭᠠᠨ᠂ ᠤᠯᠤᠰ ᠤᠨ ᠨᠡᠶᠢᠳᠡ ᠶᠢᠨ ᠠᠰᠢᠭᠳᠤ ᠤᠢ ᠰᠢᠭᠤᠢ ᠶᠢᠨ ᠨᠦᠬᠦᠪᠦᠷᠢ ᠶᠢᠨ ᠳᠦᠷᠦ ᠶᠢᠨ | ᠪᠤᠳᠤᠯᠭ᠎ᠠ ᠪᠠ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠬᠦᠯᠵᠦ᠂ ︽ᠬᠠᠮᠠᠭᠠᠯᠠᠬᠤ ᠪᠠᠷ ᠤᠷᠢᠳᠠᠯ | ᠪᠤᠯᠭᠠᠵᠤ᠂ ᠬᠠᠮᠠᠭᠠᠯᠠᠬᠤ᠂ ᠠᠰᠢᠭᠯᠠᠬᠤ᠂ ᠨᠡᠬᠡᠬᠡᠨ ᠬᠦᠭᠵᠢᠬᠦᠯᠬᠦ ᠶᠢ ᠬᠠᠷᠢᠯᠴᠠᠨ ᠤᠶᠠᠯᠳᠤᠭᠤᠯᠬᠤ︾ ᠵᠠᠷᠴᠢᠮ | ᠶᠤᠰᠤᠭᠠᠷ᠂ ᠡᠯᠡᠰᠦᠷᠬᠡᠭ ᠭᠠᠵᠠᠷ ᠤᠨ ᠠᠮᠢ ᠠᠬᠤᠢ ᠶᠢ ᠬᠠᠮᠠᠭᠠᠯᠠᠬᠤ ᠰᠢᠰᠲ᠋ᠧᠮ ᠪᠤᠯᠤᠨ ᠤᠢ ᠰᠢᠭᠤᠢ ᠡᠯᠡᠰᠦᠨ ᠤ | ᠦᠢᠯᠡᠰ ᠤᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠤᠨ᠎ᠠ᠃ ᠤᠷᠴᠢᠨ ᠲᠤᠭᠤᠷᠢᠨ ᠢ ᠵᠠᠰᠠᠨ ᠴᠡᠭᠴᠡᠯᠡᠬᠦ ᠶᠢ | ᠰᠠᠶᠢᠳᠤᠷ ᠠᠳᠬᠤᠵᠤ᠂ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠬᠠᠮᠠᠭᠠᠯᠠᠬᠤ ᠬᠢᠬᠡᠳ ᠰᠡᠷᠬᠦᠬᠡᠨ | ᠵᠠᠰᠠᠬᠤ ᠠᠵᠢᠯ ᠢ ᠴᠢᠩᠭᠠᠳᠬᠠᠵᠤ᠂ ︽ᠭᠤᠷᠪᠠᠨ ᠲᠤᠭᠤᠷᠢᠭ ᠬᠤᠶᠠᠷ ᠱᠤᠭᠤᠮ︾ ᠤᠨ ᠤᠷᠴᠢᠨ ᠲᠤᠭᠤᠷᠢᠨ ᠢ | ᠵᠠᠰᠠᠬᠤ ᠢᠨᠵᠧᠨᠧᠷᠢᠩ ᠢ ᠦᠷᠬᠦᠯᠵᠢᠯᠡᠨ ᠦᠷᠨᠢᠬᠦᠯᠦᠨ᠎ᠡ᠃ ᠳᠦᠷᠪᠡ ᠳᠤ᠂ ᠶᠡᠷᠦᠩᠬᠡᠶᠢᠯᠡᠨ ᠬᠠᠤᠯᠢ ᠬᠡᠷᠡᠭᠵᠢᠬᠦᠯᠬᠦ | ᠬᠦᠴᠦᠯᠡᠴᠡ ᠶᠢ ᠦᠷᠬᠦᠯᠵᠢᠯᠡᠨ ᠨᠡᠮᠡᠭᠳᠡᠬᠦᠯᠵᠦ᠂ ᠪᠡᠯᠴᠢᠬᠡᠷ ᠤᠨ ᠲᠠᠭᠠᠭᠠᠴᠠ ᠠᠴᠠ ᠬᠡᠳᠦᠷᠡᠬᠦᠯᠵᠦ ᠮᠠᠯ ᠮᠠᠯᠵᠢᠬᠤ | ᠠᠵᠢᠯᠯᠠᠭ᠎ᠠ ᠶᠢ ᠴᠢᠩᠭ᠎ᠠ ᠪᠠᠷ ᠪᠠᠶᠢᠴᠠᠭᠠᠨ ᠰᠢᠢᠳᠬᠡᠵᠦ᠂ ᠭᠠᠳᠠᠨᠠᠬᠢ ᠮᠠᠯ ᠢ ᠪᠡᠯᠴᠢᠬᠡᠷ ᠲᠡᠭᠡᠨ ᠲᠡᠵᠢᠬᠡᠬᠦ ᠪᠤᠯᠤᠨ | ᠬᠠᠤᠯᠢ ᠪᠤᠰᠤ ᠪᠠᠷ ᠡᠮ ᠤᠨ ᠦᠨᠳᠦᠰᠦ ᠮᠠᠯᠳᠠᠬᠤ ᠵᠡᠷᠬᠡ ᠪᠡᠯᠴᠢᠬᠡᠷ ᠨᠤᠳᠤᠭ ᠢ ᠡᠪᠳᠡᠭᠰᠡᠨ ᠠᠵᠢᠯᠯᠠᠭ᠎ᠠ ᠳᠤ ᠴᠢᠩᠭ᠎ᠠ | ᠪᠠᠷ ᠴᠤᠬᠢᠯᠳᠠ ᠦᠭᠬᠦᠨ᠎ᠡ᠃ ᠪᠠᠶᠢᠭᠠᠯᠢᠯᠢᠭ ᠬᠠᠳᠤᠯᠠᠩ ᠢ ᠰᠢᠨᠵᠢᠯᠡᠬᠦ ᠤᠬᠠᠭᠠᠨᠴᠢ ᠪᠠᠷ ᠠᠰᠢᠭᠯᠠᠨ ᠬᠠᠮᠠᠭᠠᠯᠠᠬᠤ ᠶᠢ | ᠴᠢᠩᠭᠠᠳᠬᠠᠵᠤ᠂ ᠡᠪᠳᠡᠯᠬᠡ ᠶᠢᠨ ᠴᠢᠨᠠᠷᠳᠠᠢ ᠡᠵᠡᠩᠨᠡᠯᠳᠡ ᠶᠢ ᠡᠷᠡᠰ ᠬᠤᠷᠢᠭᠯᠠᠨ᠎ᠠ᠃ ᠠᠵᠢᠯ ᠤᠨ ᠠᠷᠭ᠎ᠠ ᠠᠪᠴᠢᠯ | ᠢᠶᠠᠨ ᠴᠢᠩᠭᠠᠳᠬᠠᠨ᠂ ᠲᠠᠯ᠎ᠠ ᠨᠤᠳᠤᠭ ᠤᠨ ᠭᠠᠯ ᠰᠡᠷᠬᠡᠶᠢᠯᠡᠬᠦ ᠠᠵᠢᠯ ᠢ ᠰᠠᠶᠢᠳᠤᠷ ᠠᠳᠬᠤᠨ᠎ᠠ᠃ ᠳᠠᠪᠤ ᠳᠤ᠂ | ᠤᠷᠴᠢᠨ ᠲᠤᠭᠤᠷᠢᠨ ᠢ ᠬᠠᠮᠠᠭᠠᠯᠠᠨ ᠵᠠᠰᠠᠬᠤ ᠠᠵᠢᠯ ᠢ ᠰᠠᠶᠢᠳᠤᠷ ᠬᠢᠨ᠎ᠡ᠃ ᠤᠰᠤᠨ ᠤ ᠡᠬᠢ ᠪᠠᠶᠠᠯᠢᠭ ᠢ ᠬᠠᠮᠢᠶᠠᠷᠬᠤ | ᠬᠠᠮᠤᠭ ᠴᠢᠩᠭ᠎ᠠ ᠲᠦᠷᠢᠮ ᠢ ᠬᠡᠷᠡᠭᠵᠢᠬᠦᠯᠵᠦ᠂ ︽ᠭᠤᠷᠪᠠᠨ ᠵᠤᠷᠪᠤᠰ ᠰᠡᠷᠡᠮᠵᠢ ᠶᠢᠨ ᠱᠤᠭᠤᠮ︾ ᠪᠤᠯᠤᠨ ︽ᠭᠤᠷᠪᠠ | ᠶᠢ ᠵᠡᠷᠬᠡᠪᠡᠷ ᠶᠠᠪᠤᠭᠳᠠᠭᠤᠯᠬᠤ︾ ᠲᠦᠷᠢᠮ ᠢ ᠴᠢᠩᠭ᠎ᠠ ᠨᠢᠮᠪᠠᠢ ᠬᠡᠷᠡᠭᠵᠢᠬᠦᠯᠦᠨ᠎ᠡ᠃ ᠪᠤᠬᠢᠷᠳᠤᠯ ᠢ ᠭᠠᠳᠠᠭᠰᠢᠯᠠᠭᠤᠯᠬᠤ | ᠂ ᠠᠭᠠᠷ ᠤᠨ ᠪᠤᠬᠢᠷᠳᠤᠯ ᠢ ᠰᠡᠷᠬᠡᠶᠢᠯᠡᠨ ᠵᠠᠰᠠᠬᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ | ᠬᠡᠷᠡᠭᠵᠢᠬᠦᠯᠬᠦ ᠵᠡᠷᠬᠡ ᠲᠠᠯ᠎ᠠ ᠶᠢᠨ ᠠᠵᠢᠯ ᠢ ᠬᠦᠴᠦᠳᠠᠢ ᠠᠳᠬᠤᠵᠤ᠂ ᠭᠤᠤᠯᠳᠠᠯᠭᠠᠳᠤ ᠠᠵᠤ ᠠᠬᠤᠶᠢᠯᠠᠯ ᠤᠨ | ᠪᠤᠬᠢᠷᠳᠤᠯ ᠢ ᠵᠠᠰᠠᠬᠤ ᠲᠦᠬᠦᠬᠡᠷᠦᠮᠵᠢ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠪᠦᠬᠦᠶᠢᠯᠡ ᠵᠠᠰᠠᠨ ᠴᠡᠭᠴᠡᠯᠡᠬᠦ | ᠲᠦᠬᠦᠬᠡᠷᠦᠮᠵᠢ ᠨᠢ ᠦᠨᠳᠦᠷ ᠪᠦᠳᠦᠮᠵᠢᠳᠠᠢ ᠲᠤᠭᠳᠠᠭᠤᠨ ᠢᠶᠠᠷ ᠠᠵᠢᠯᠯᠠᠬᠤ ᠶᠢ ᠪᠠᠳᠤᠯᠠᠨ᠎ᠠ᠃ ᠤᠷᠴᠢᠨ ᠲᠤᠭᠤᠷᠢᠨ | ᠤ ᠦᠨᠡᠯᠡᠯᠳᠡ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠤᠷᠴᠢᠨ ᠲᠤᠭᠤᠷᠢᠨ ᠤ ᠪᠠᠴᠢᠮ ᠪᠠᠶᠢᠳᠠᠯ ᠢ | ᠠᠷᠭᠠᠴᠠᠭᠠᠬᠤ ᠤᠷᠢᠳᠴᠢᠯᠠᠭᠰᠠᠨ ᠲᠦᠰᠦᠪ ᠢ ᠦᠨᠡᠯᠡᠨ ᠲᠠᠩᠰᠠᠯᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠠᠤ | ᠰᠤᠷᠢᠯᠳᠠ ᠪᠤᠯᠪᠠᠰᠤᠷᠠᠯ ᠤᠨ ᠲᠦᠷᠢᠮ ᠢ ᠬᠡᠷᠡᠭᠵᠢᠬᠦᠯᠦᠨ᠎ᠡ᠃ ᠪᠦᠳᠦᠬᠡᠨ ᠪᠠᠶᠢᠭᠤᠯᠵᠤ ᠪᠠᠶᠢᠬᠤ ᠲᠦᠷᠦᠯ ᠵᠦᠢᠯ ᠳᠤ | ᠤᠷᠴᠢᠨ ᠲᠤᠭᠤᠷᠢᠨ ᠤ ᠦᠨᠡᠯᠡᠯᠳᠡ ᠬᠢᠬᠦ ᠲᠦᠷᠢᠮ ᠢ ᠴᠢᠩᠭ᠎ᠠ ᠬᠡᠷᠡᠭᠵᠢᠬᠦᠯᠤᠨ᠂ ᠵᠦᠪᠰᠢᠶᠡᠷᠡᠯ ᠦᠬᠡᠢ ᠪᠠᠷ | ᠤᠷᠢᠳᠴᠢᠯᠡᠨ ᠪᠠᠶᠢᠭᠤᠯᠬᠤ᠂ ᠬᠢᠨᠠᠨ ᠰᠢᠯᠭᠠᠯᠳᠠ ᠶᠢ ᠬᠦᠯᠢᠶᠡᠬᠦ ᠦᠬᠡᠢ ᠤᠳᠠᠭᠠᠰᠢᠷᠠᠭᠤᠯᠬᠤ ᠵᠡᠷᠬᠡ ᠤᠷᠴᠢᠨ | ᠲᠤᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠡᠬᠦᠰᠬᠦ ᠶᠢ ᠲᠠᠰᠤ ᠬᠤᠷᠢᠭᠯᠠᠵᠤ᠂ ᠤᠷᠴᠢᠨ ᠲᠤᠭᠤᠷᠢᠨ ᠤ | ᠠᠰᠠᠭᠤᠳᠠᠯ ᠭᠠᠷᠬᠤ ᠶᠢ ᠡᠬᠢ ᠡᠬᠦᠰᠦᠯ ᠠᠴᠠ ᠨᠢ ᠰᠡᠷᠬᠡᠶᠢᠯᠡᠨ ᠬᠤᠷᠢᠭᠯᠠᠨ᠎ᠠ᠃ | ︵ᠬᠤᠶᠠᠷ︶ ᠭᠤᠷᠪᠠᠨ ᠠᠵᠤ ᠦᠢᠯᠡᠰ ᠤᠨ ᠪᠦᠳᠦᠴᠡ ᠶᠢ ᠬᠤᠪᠢᠷᠠᠭᠤᠯᠵᠤ ᠲᠡᠰ ᠲᠡᠪᠰᠢᠬᠦ ᠶᠢ ᠠᠬᠢᠭᠤᠯᠤᠨ᠂ | ᠲᠠᠪᠠᠭᠤᠯᠢᠭ ᠤᠨᠴᠠᠯᠢᠭᠳᠤ ᠲᠤᠯᠭᠠᠭᠤᠷᠢᠯᠠᠬᠤ ᠠᠵᠤ ᠦᠢᠯᠡᠰ ᠢ ᠦᠨᠡᠨᠬᠦ ᠪᠤᠵᠠᠭᠠᠶᠢᠷᠠᠭᠤᠯᠤᠨ᠎ᠠ᠃ ︽ᠭᠤᠷᠪᠠ ᠶᠢ | ᠦᠬᠡᠶᠢᠰᠬᠡᠵᠦ᠂ ᠨᠢᠬᠡ ᠶᠢ ᠪᠠᠭᠤᠷᠠᠭᠤᠯᠵᠦ᠂ ᠨᠢᠬᠡ ᠶᠢ ᠨᠦᠬᠦᠪᠦᠷᠢᠯᠡᠬᠦ︾ ᠱᠠᠭᠠᠷᠳᠠᠯᠭ᠎ᠠ ᠶᠤᠰᠤᠭᠠᠷ᠂ ᠠᠵᠤ ᠠᠬᠤᠢ | ᠶᠢᠨ ᠦᠰᠦᠯᠳᠡ ᠶᠢ ᠳᠤᠭᠳᠠᠪᠤᠷᠢᠵᠢᠭᠤᠯᠤᠭᠰᠠᠨ ᠰᠠᠭᠤᠷᠢᠨ ᠳᠡᠬᠡᠷ᠎ᠡ᠂ ᠬᠠᠩᠭᠠᠯᠭ᠎ᠠ ᠶᠢᠨ ᠲᠠᠯ᠎ᠠ ᠳᠠᠬᠢ ᠪᠦᠳᠦᠴᠡ ᠶᠢᠨ | ᠴᠢᠨᠠᠷᠳᠠᠢ ᠦᠭᠡᠷᠡᠴᠢᠯᠡᠯᠳᠡ ᠶᠢ ᠴᠢᠩᠭ᠎ᠠ ᠨᠠᠶᠢᠳᠠᠪᠤᠷᠢᠵᠢᠭᠤᠯᠵᠦ᠂ ᠠᠵᠤ ᠠᠬᠤᠢ ᠶᠢᠨ ᠪᠦᠳᠦᠴᠡ ᠶᠢ ᠬᠤᠪᠢᠷᠠᠭᠤᠯᠤᠨ | ᠳᠡᠰᠵᠢᠬᠦᠯᠬᠦ ᠶᠢ ᠳᠦᠷᠬᠡᠳᠬᠡᠨ᠂ ᠠᠵᠤ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ | ᠳᠡᠬᠡᠭᠰᠢᠯᠡᠬᠦᠯᠦᠨ᠎ᠡ᠃ | ᠨᠢᠬᠡ ᠳᠤ᠂ ᠤᠯᠤᠰ ᠤᠨ ᠭᠤᠤᠯᠳᠠᠯᠭ᠎ᠠ ᠲᠠᠢ ᠴᠡᠪᠡᠷ ᠡᠨᠧᠷᠬᠢ ᠶᠢ ᠭᠠᠳᠠᠭᠰᠢᠯᠠᠭᠤᠯᠬᠤ ᠰᠠᠭᠤᠷᠢᠨ ᠭᠠᠵᠠᠷ ᠢ | ᠪᠦᠳᠦᠬᠡᠨ ᠪᠠᠶᠢᠭᠤᠯᠬᠤ ᠳᠤ ᠲᠦᠰᠢᠭᠯᠡᠵᠦ᠂ ᠠᠵᠤ ᠦᠢᠯᠡᠰ ᠤᠨ ᠪᠦᠳᠦᠴᠡ ᠶᠢ ᠬᠤᠪᠢᠷᠠᠭᠤᠯᠤᠨ ᠳᠡᠰᠵᠢᠬᠦᠯᠬᠦ ᠶᠢ | ᠲᠦᠷᠬᠡᠳᠬᠡᠵᠦ᠂ ᠤᠯᠠᠨ ᠲᠠᠯ᠎ᠠ ᠳᠤ ᠳᠤᠯᠭᠠᠭᠤᠷᠢᠯᠠᠭᠰᠠᠨ᠂ ᠤᠯᠠᠨ ᠡᠰᠢᠵᠢᠭᠰᠡᠨ ᠬᠦᠭᠵᠢᠯᠳᠡ ᠶᠢᠨ ᠰᠢᠨ᠎ᠡ ᠬᠡᠯᠪᠡᠷᠢ | ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠭᠤᠤᠯᠳᠠᠯᠭ᠎ᠠ ᠲᠠᠢ ᠳᠦᠷᠦᠯ ᠵᠦᠢᠯ ᠢ ᠳᠦᠯᠬᠢᠨ | ᠠᠬᠢᠭᠤᠯᠬᠤ ᠭᠤᠷᠪᠠᠨ ᠵᠢᠯ ᠤᠨ ᠳᠦᠯᠦᠪᠯᠡᠭᠡ ᠶᠢ ᠨᠠᠶᠢᠳᠠᠪᠤᠷᠢᠵᠢᠭᠤᠯᠤᠨ᠂ ᠪᠡᠯᠡ ᠤᠷᠤᠭᠤᠯᠤᠯᠳᠠ ᠶᠢ ᠨᠡᠮᠡᠭᠳᠡᠬᠦᠯᠵᠤ᠂ | ᠠᠵᠤ ᠠᠬᠤᠢ ᠶᠢᠨ ᠦᠰᠦᠯᠳᠡ ᠶᠢ ᠳᠤᠭᠳᠠᠪᠤᠷᠢᠵᠢᠭᠤᠯᠬᠤ ᠪᠠ ᠠᠵᠤ ᠠᠬᠤᠢ ᠶᠢᠨ ᠪᠦᠳᠦᠴᠡ ᠳᠤ | ᠳᠤᠬᠢᠷᠠᠭᠤᠯᠤᠯᠳᠠ ᠬᠢᠬᠦ ᠪᠠᠷ ᠳᠠᠮᠵᠢᠨ ᠳᠦᠷᠦᠯ ᠵᠦᠢᠯ ᠤᠨ ᠪᠡᠯᠡ ᠤᠷᠤᠭᠤᠯᠤᠯᠳᠠ ᠶᠢᠨ ᠵᠠᠩᠬᠢᠯᠠᠭ᠎ᠠ ᠶᠢᠨ ᠦᠢᠯᠡᠳᠦᠯ | ᠢ ᠪᠠᠳᠠᠷᠠᠭᠤᠯᠤᠨ᠎ᠠ᠃ 2016 ᠤᠨ ᠳᠤ ᠠᠵᠤ ᠦᠢᠯᠡᠳᠪᠤᠷᠢ ᠶᠢᠨ ᠭᠤᠤᠯᠳᠠᠯᠭ᠎ᠠ ᠲᠠᠢ ᠳᠦᠷᠦᠯ ᠵᠦᠢᠯ 16 ᠵᠦᠢᠯ | ︵ᠦᠷᠬᠦᠯᠵᠢᠯᠡᠨ ᠪᠠᠶᠢᠭᠤᠯᠬᠤ 5 ᠵᠦᠢᠯ᠂ ᠰᠢᠨ᠎ᠡ ᠪᠠᠷ ᠪᠠᠶᠢᠭᠤᠯᠬᠤ 11 ᠵᠦᠢᠯ︶ ᠪᠠᠶᠢᠷᠢᠯᠠᠭᠤᠯᠵᠦ᠂ 83.8 | ᠳ᠋ᠦᠩᠰᠢᠭᠤᠷ ᠳᠦᠬᠦᠷᠢᠭ ᠪᠡᠯᠡ ᠮᠦᠩᠬᠦ ᠤᠷᠤᠭᠤᠯᠬᠤ ᠪᠠᠷ ᠳᠦᠯᠦᠪᠯᠡᠵᠦ ᠪᠠᠶᠢᠨ᠎ᠠ᠃ ᠨᠡᠬᠦᠷᠡᠰᠤ ᠶᠢ ᠨᠡᠬᠡᠬᠡᠨ | ᠬᠦᠭᠵᠢᠬᠦᠯᠬᠦ ᠬᠡᠪᠴᠢᠶ᠎ᠡ ᠪᠠ ᠡᠷᠴᠢᠮᠵᠢᠯ ᠢ ᠵᠤᠬᠢᠰᠳᠠᠢ ᠬᠢᠵᠠᠭᠠᠷᠯᠠᠵᠦ᠂ ᠵᠢᠷ ᠤᠨ ᠭᠤᠤᠯ ᠬᠤᠶᠠᠳᠤᠭᠠᠷ ᠵᠠᠳᠠᠭᠠᠢ | ᠨᠡᠬᠦᠷᠡᠰᠦᠨ ᠠᠭᠤᠷᠬᠠᠢ ᠶᠢᠨ ᠵᠢᠯ ᠳᠤ 1800 ᠳᠦᠮᠡᠨ ᠳᠤᠨ ᠬᠦᠷᠡᠩ ᠨᠡᠬᠦᠷᠡᠰᠤ ᠭᠠᠷᠭᠠᠬᠤ ᠳᠦᠷᠦᠯ ᠵᠦᠢᠯ ᠪᠠ | ᠬᠤᠸᠠ ᠷᠦᠨ ᠪᠦᠯᠦᠭᠯᠡᠯ ᠤᠨ ᠡᠤ ᠵᠢᠶᠠᠨ ᠹᠠᠩ ᠪᠠᠷᠠᠭᠤᠨ ᠨᠢᠬᠡᠳᠦᠬᠡᠷ ᠬᠤᠳᠳᠤᠭ ᠤᠨ ᠵᠢᠯ ᠳᠤ 800 ᠳᠦᠮᠡᠨ | ᠳᠤᠨ ᠬᠦᠷᠡᠩ ᠨᠡᠬᠦᠷᠡᠰᠤ ᠭᠠᠷᠭᠠᠬᠤ ᠳᠦᠷᠦᠯ ᠵᠦᠢᠯ ᠢ ᠰᠡᠷᠬᠦᠬᠡᠨ ᠪᠦᠳᠦᠬᠡᠨ ᠪᠠᠶᠢᠭᠤᠯᠤᠨ᠎ᠠ᠃ ᠨᠡᠬᠦᠷᠡᠰᠤ ᠶᠢ | ᠴᠠᠬᠢᠯᠭᠠᠨ ᠪᠤᠯᠭᠠᠨ ᠬᠤᠪᠢᠷᠠᠭᠤᠯᠬᠤ ᠠᠵᠢᠯ ᠢ ᠰᠠᠶᠢᠳᠤᠷ ᠬᠢᠵᠦ᠂ ᠬᠤᠸᠠ ᠷᠦᠨ ᠴᠠᠬᠢᠯᠭᠠᠨ ᠬᠦᠴᠦᠨ ᠤ ᠡᠣ ᠵᠢᠶᠠᠨ | ᠹᠠᠩ ᠳᠠᠬᠢ ᠴᠠᠬᠢᠯᠭᠠᠨ ᠦᠢᠯᠡᠳᠪᠤᠷᠢ ᠶᠢᠨ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ | ᠴᠣᠭᠴᠠᠯᠠᠪᠣᠷᠢ ᠶᠢᠨ ᠳᠦᠷᠦᠯ ᠵᠦᠢᠯ ᠵᠢᠴᠢ ᠵᠢᠩ ᠨᠧᠩ ᠪᠦᠯᠦᠭᠯᠡᠯ ᠤᠨ ᠡᠣ ᠵᠢᠶᠠᠨ ᠹᠠᠩ ᠳᠠᠬᠢ ᠴᠠᠬᠢᠯᠭᠠᠨ | ᠦᠢᠯᠡᠳᠪᠤᠷᠢ ᠶᠢᠨ 2 × 66 ᠲᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ | ᠲᠦᠷᠦᠯ ᠵᠦᠢᠯ ᠤᠨ ᠪᠠᠷᠢᠯᠭ᠎ᠠ ᠪᠠ ᠳᠦᠬᠦᠬᠡᠷᠦᠮᠵᠢ ᠤᠭᠰᠠᠷᠠᠬᠤ ᠠᠵᠢᠯ ᠢ ᠪᠡᠶᠡᠯᠡᠬᠦᠯᠦᠨ᠎ᠡ᠃ ᠰᠢᠯᠢ ᠶᠢᠨ ᠭᠤᠣᠯ | ᠠᠶᠢᠮᠠᠭ ᠠᠴᠠ ᠲᠠᠶᠢᠵᠸᠣ ᠬᠦᠷᠬᠦ 800 ᠺᠢᠯᠣᠸᠣᠯᠲ ᠣᠨᠴᠠ ᠦᠨᠳᠦᠷ ᠲᠠᠷᠣᠯᠳᠠᠳᠣ ᠴᠠᠬᠢᠯᠭᠠᠨ ᠲᠠᠮᠵᠢᠭᠤᠯᠬᠤ | ᠢᠨᠵᠧᠨᠧᠷᠢᠩ ᠤᠨ ᠲᠣᠭᠤᠷᠢᠨ ᠳᠤ ᠵᠦᠩ ᠳ᠋ᠢᠶᠠᠨ ᠲᠸᠣ ᠪᠦᠯᠦᠭᠯᠡᠯ ᠤᠨ 2 × 66 ᠲᠦᠮᠡᠨ ᠺᠢᠯᠣᠸᠠᠲ ᠶᠢᠨ | ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠵᠢᠴᠢ ᠪᠠᠶᠠᠩᠬᠤᠸᠠ ᠳᠠᠬᠢ ᠶᠢᠨ ᠱᠠᠨ 2 × 66 ᠲᠦᠮᠡᠨ ᠺᠢᠯᠣᠸᠠᠲ | ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠪᠠ ᠵᠢᠶᠠᠩᠰᠤ ᠮᠤᠵᠢ ᠶᠢᠨ ᠡᠨᠧᠷᠬᠢ ᠶᠢᠨ ᠪᠡᠯᠡ ᠤᠷᠤᠭᠤᠯᠤᠯᠳᠠ | ᠶᠢᠨ ᠬᠢᠵᠠᠭᠠᠷᠳᠤ ᠺᠤᠮᠫᠠᠨᠢ ᠶᠢᠨ ᠡᠤ ᠵᠢᠶᠠᠨ ᠹᠠᠩ ᠳᠠᠬᠢ 2 × 66 ᠲᠦᠮᠡᠨ ᠺᠢᠯᠣᠸᠠᠲ ᠶᠢᠨ ᠴᠠᠬᠢᠯᠭᠠᠨ | ᠭᠠᠷᠭᠠᠬᠤ ᠮᠠᠰᠢᠨ ᠴᠣᠭᠴᠠᠯᠠᠪᠣᠷᠢ᠂ ᠳ᠋ᠠ ᠳᠠᠩ ᠪᠦᠯᠦᠭᠯᠡᠯ ᠤᠨ ᠡᠤ ᠵᠢᠶᠠᠨ ᠹᠠᠩ ᠳᠠᠬᠢ 2 ×66 ᠲᠦᠮᠡᠨ | ᠺᠢᠯᠣᠸᠠᠲ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠶᠢᠨ ᠰᠢᠭᠤᠳ ᠴᠠᠬᠢᠯᠭᠠᠨ ᠬᠠᠩᠭᠠᠬᠤ ᠱᠤᠭᠤᠮ ᠤᠨ | ᠲᠦᠷᠦᠯ ᠵᠦᠢᠯ ᠢ ᠢᠳᠡᠪᠬᠢᠳᠡᠢ ᠳᠦᠯᠬᠢᠨ ᠠᠬᠢᠭᠤᠯᠤᠨ᠎ᠠ᠃ ᠪᠠᠷᠠᠭᠤᠨ ᠦᠵᠣᠮᠣᠴᠢᠨ ᠬᠤᠰᠢᠭᠤᠨ ᠤ ᠶᠢᠨ ᠱᠠᠨ | ᠴᠠᠬᠢᠯᠭᠠᠨ ᠭᠠᠷᠭᠠᠬᠤ ᠬᠢᠵᠠᠭᠠᠷᠳᠣ ᠺᠣᠮᠫᠠᠨᠢ ᠶᠢᠨ ᠬᠤᠶᠠᠳᠣᠭᠠᠷ ᠬᠤᠭᠤᠴᠠᠭᠠᠨ ᠤ 1×35 ᠲᠦᠮᠡᠨ ᠺᠢᠯᠣᠸᠠᠲ ᠶᠢᠨ | ᠴᠠᠬᠢᠯᠭᠠᠨ ᠭᠠᠷᠭᠠᠬᠤ ᠮᠠᠰᠢᠨ ᠴᠣᠭᠴᠠᠯᠠᠪᠣᠷᠢ ᠪᠠ ᠵᠢᠷ ᠤᠨ ᠭᠤᠤᠯ ᠬᠤᠶᠠᠳᠤᠭᠠᠷ ᠵᠠᠳᠠᠭᠠᠢ ᠨᠡᠬᠦᠷᠡᠰᠦᠨ ᠠᠭᠤᠷᠬᠠᠢ᠂ | ᠬᠤᠣ ᠷᠦᠩ ᠨᠢᠺᠧᠯ ᠬᠠᠶᠢᠯᠤᠭᠤᠯᠤᠨ ᠪᠤᠯᠪᠠᠰᠤᠷᠠᠭᠤᠯᠬᠤ ᠲᠦᠷᠦᠯ ᠵᠦᠢᠯ ᠤᠨ ︽ᠨᠡᠬᠦᠷᠡᠰᠤ᠂ ᠴᠠᠬᠢᠯᠭᠠᠨ᠂ | ᠬᠠᠶᠢᠯᠤᠭᠤᠯᠬᠤ︾ ᠶᠢ ᠬᠠᠷᠢᠯᠴᠠᠨ ᠬᠠᠪᠰᠤᠷᠤᠯᠴᠠᠨ ᠰᠢᠭᠤᠳ ᠬᠠᠩᠭᠠᠬᠤ ᠶᠢ ᠪᠡᠶᠡᠯᠡᠬᠦᠯᠵᠦ᠂ ᠨᠡᠬᠦᠷᠡᠰᠤ ᠂ | ᠴᠠᠬᠢᠯᠭᠠᠨ᠂ ᠲᠡᠮᠦᠷᠯᠢᠭ ᠬᠠᠶᠢᠯᠤᠭᠤᠯᠬᠤ ᠠᠵᠤ ᠦᠢᠯᠡᠰ ᠤᠨ ᠬᠡᠯᠬᠢᠶᠡᠵᠢᠯ ᠢᠶᠠᠷ ᠨᠡᠮᠡᠭᠳᠡᠴᠡ ᠶᠢ ᠠᠬᠢᠭᠤᠯᠵᠦ᠂ | ᠬᠠᠳᠠᠭᠠᠯᠠᠭᠳᠠᠴᠠ ᠶᠢ ᠰᠢᠢᠳᠪᠤᠷᠢᠯᠡᠨ᠎ᠡ᠃ ᠦᠩᠬᠡᠳᠤ ᠳᠡᠮᠦᠷᠯᠢᠭ ᠢ ᠰᠤᠩᠭᠤᠨ ᠬᠠᠶᠢᠯᠤᠭᠤᠯᠬᠤ ᠦᠢᠯᠡᠰ ᠤᠨ | ᠬᠦᠭᠵᠢᠯᠳᠡ ᠶᠢᠨ ᠳᠦᠪᠰᠢᠨ ᠢ ᠳᠡᠬᠡᠭᠰᠢᠯᠡᠬᠦᠯᠵᠦ᠂ ᠬᠤᠣ ᠷᠦᠩ ᠪᠦᠯᠦᠭᠯᠡᠯ ᠤᠨ ᠵᠢᠯ ᠳᠤ 10 ᠲᠦᠮᠡᠨ ᠲᠣᠨ | ᠨᠢᠺᠧᠯ ᠬᠠᠶᠢᠯᠣᠭᠤᠯᠣᠨ ᠪᠣᠯᠪᠠᠰᠣᠷᠠᠭᠤᠯᠬᠤ ᠲᠦᠷᠦᠯ ᠵᠦᠢᠯ᠂ ᠦᠪᠦᠷ ᠮᠣᠩᠭᠤᠯ ᠤᠨ ᠬᠢᠩᠭᠠᠨ ᠵᠡᠰ ᠴᠠᠶᠢᠷ | ᠬᠠᠶᠢᠯᠣᠭᠤᠯᠣᠨ ᠪᠣᠯᠪᠠᠰᠣᠷᠠᠭᠤᠯᠬᠤ ᠲᠦᠷᠦᠯ ᠵᠦᠢᠯ ᠤᠨ ᠵᠢᠯ ᠳᠤ 10 ᠲᠦᠮᠡᠨ ᠲᠣᠨ ᠴᠠᠶᠢᠷ ᠬᠠᠶᠢᠯᠣᠭᠤᠯᠣᠨ | ᠪᠣᠯᠪᠠᠰᠣᠷᠠᠭᠤᠯᠬᠤ ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠵᠢᠴᠢ 20 ᠳᠦᠮᠡᠨ ᠳᠤᠨ ᠠᠵᠦ ᠦᠢᠯᠡᠳᠪᠤᠷᠢ | ᠶᠢᠨ ᠬᠠᠶᠠᠭᠳᠠᠮᠠᠯ ᠪᠤᠳᠠᠰ ᠢ ᠰᠢᠢᠳᠪᠤᠷᠢᠯᠡᠬᠦ ᠳᠦᠷᠦᠯ ᠵᠦᠢᠯ᠂ ᠶᠢᠨ ᠮᠠᠨ ᠠᠭᠤᠷᠬᠠᠢ ᠶᠢᠨ ᠦᠢᠯᠡᠰ ᠤᠨ ᠪᠠᠶᠠᠨᠴᠠᠭᠠᠨ | ᠳᠠᠬᠢ ᠴᠠᠶᠢᠷ ᠦᠩᠬᠡᠳᠣ ᠲᠡᠮᠦᠷᠯᠢᠭ ᠢ ᠰᠣᠩᠭᠤᠨ ᠪᠣᠯᠪᠠᠰᠣᠷᠠᠭᠤᠯᠬᠤ ᠦᠢᠯᠡᠳᠪᠤᠷᠢ ᠶᠢᠨ ᠡᠳᠣᠷ ᠲᠤ 5000 ᠲᠣᠨ | ᠠᠭᠤᠷᠬᠠᠢ ᠶᠢᠨ ᠴᠢᠯᠠᠭᠤ ᠶᠢ ᠰᠤᠩᠭᠤᠨ ᠰᠢᠢᠳᠪᠤᠷᠢᠯᠡᠬᠦ ᠲᠦᠷᠦᠯ ᠵᠦᠢᠯ ᠢ ᠠᠰᠢᠭᠯᠠᠯᠳᠠ ᠳᠤ ᠤᠷᠤᠭᠤᠯᠬᠤ ᠪᠠᠷ | ᠴᠢᠷᠮᠠᠶᠢᠵᠦ᠂ ᠵᠦᠩ ᠳ᠋ᠢᠶᠠᠨ ᠲᠸᠤ ᠪᠦᠯᠦᠭᠯᠡᠯ ᠤᠨ ᠵᠢᠯ ᠳᠤ 80 ᠳᠦᠮᠡᠨ ᠳᠤᠨ ᠨᠠᠷᠢᠯᠢᠭᠵᠢᠭᠤᠯᠤᠭᠰᠠᠨ ᠬᠦᠩᠬᠡᠨ | ᠴᠠᠭᠠᠨ ᠤ ᠬᠠᠪᠳᠠᠰᠤ ︵ᠨᠢᠬᠡᠳᠦᠬᠡᠷ ᠬᠤᠭᠤᠴᠠᠭᠠᠨ ᠤ 40 ᠳᠦᠮᠡᠨ ᠳᠤᠨ︶ ᠦᠢᠯᠡᠳᠪᠤᠷᠢᠯᠡᠬᠦ ᠵᠢᠴᠢ ᠬᠠᠮᠢᠶᠠᠳᠠᠢ | ᠬᠦᠳᠡᠯᠬᠡᠬᠦᠷ ᠢ ᠠᠰᠢᠭᠯᠠᠨ 2×35 ᠳᠦᠮᠡᠨ ᠺᠢᠯᠣᠸᠠᠲ ᠶᠢᠨ ᠴᠠᠬᠢᠯᠭᠠᠨ ᠭᠠᠷᠭᠠᠬᠤ ᠳᠦᠷᠦᠯ ᠵᠦᠢᠯ ᠢ ᠠᠵᠢᠯ | ᠡᠬᠢᠯᠡᠬᠦᠯᠦᠨ᠂ ᠶᠢᠨ ᠲᠠᠢ ᠪᠦᠯᠦᠭᠯᠡᠯ᠂ ᠬᠤᠸᠠ ᠷᠦᠨ ᠡᠤ ᠹᠧᠩ ᠺᠤᠮᠫᠠᠨᠢ ᠶᠢᠨ ᠳᠦᠷᠦᠯ ᠵᠦᠢᠯ ᠢ ᠪᠦᠳᠦᠬᠡᠨ | ᠪᠠᠶᠢᠭᠤᠯᠤᠨ᠎ᠠ᠃ ᠰᠢᠨ᠎ᠡ ᠡᠨᠧᠷᠬᠢ ᠶᠢ ᠳᠤᠭᠳᠠᠭᠤᠨ ᠬᠦᠭᠵᠢᠬᠦᠯᠵᠦ᠂ ᠳ᠋ᠠ ᠳᠠᠩ ᠬᠤᠸᠠ ᠶᠢᠨ ᠰᠢᠨ ᠵᠧᠩ | ᠬᠤᠶᠠᠳᠣᠭᠠᠷ ᠬᠤᠭᠤᠴᠠᠭᠠᠨ ᠤ 4.95 ᠲᠦᠮᠡᠨ ᠺᠢᠯᠣᠸᠠᠲ᠂ ᠶᠢᠨ ᠱᠠᠨ ᠬᠤᠸᠠ ᠶᠠᠩ ᠪᠦᠯᠦᠭᠯᠡᠯ ᠤᠨ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ 4.95 ᠲᠦᠮᠡᠨ ᠺᠢᠯᠣᠸᠠᠲ ᠶᠢᠨ ᠮᠠᠰᠢᠨ ᠴᠤᠭᠴᠠᠯᠠᠪᠤᠷᠢ ᠶᠢᠨ ᠲᠦᠷᠦᠯ ᠵᠦᠢᠯ | ᠢ ᠠᠵᠢᠯ ᠡᠬᠢᠯᠡᠬᠦᠯᠦᠨ ᠪᠦᠳᠦᠬᠡᠨ ᠪᠠᠶᠢᠭᠤᠯᠤᠨ᠎ᠠ᠃ ᠰᠢᠤᠢ ᠬᠦᠩ ᠪᠦᠯᠦᠭᠯᠡᠯ᠂ ᠬᠤᠪᠴᠠᠰᠤᠨ ᠤ ᠦᠢᠯᠡᠳᠪᠤᠷᠢ᠂ | ᠦᠯᠦᠨ ᠬᠡᠳᠡᠰᠦᠨ ᠤ ᠦᠢᠯᠡᠳᠪᠤᠷᠢ᠂ ᠵᠦᠭᠠᠩ ᠬᠠᠪᠳᠠᠰᠤ ᠶᠢᠨ ᠦᠢᠯᠡᠳᠪᠤᠷᠢ᠂ ᠢᠯᠭᠠᠷᠠᠭᠤᠯᠤᠭᠰᠠᠨ ᠨᠡᠬᠦᠷᠡᠰᠤᠨ ᠤ | ᠦᠨᠡᠰᠦ ᠶᠢ ᠶᠡᠷᠤᠩᠬᠡᠶᠢᠯᠡᠨ ᠠᠰᠢᠭᠯᠠᠬᠤ᠂ ᠢᠯᠴᠢ ᠪᠠᠷ ᠴᠠᠬᠢᠯᠭᠠᠨ ᠭᠠᠷᠭᠠᠬᠤ᠂ ᠬᠡᠷᠡᠯ ᠢᠶᠠᠷ ᠴᠠᠬᠢᠯᠭᠠᠨ ᠭᠠᠷᠭᠠᠬᠤ | ᠵᠡᠷᠬᠡ ᠭᠤᠤᠯᠳᠠᠯᠭ᠎ᠠ ᠲᠠᠢ ᠠᠷᠠᠯᠵᠢᠶᠠᠴᠢᠨ ᠤᠷᠢᠬᠤ ᠳᠦᠷᠦᠯ ᠵᠦᠢᠯ ᠢ ᠦᠷᠬᠦᠯᠵᠢᠯᠡᠨ ᠮᠦᠷᠳᠡᠨ ᠠᠬᠢᠭᠤᠯᠤᠨ᠎ᠠ᠃ | ᠡᠬᠦᠨ ᠤ ᠬᠠᠮᠳᠤ᠂ ᠠᠷᠠᠯᠵᠢᠶᠠᠴᠢᠨ ᠤᠷᠢᠵᠦ ᠪᠡᠯᠡ ᠳᠠᠳᠠᠬᠤ ᠡᠷᠴᠢᠮ ᠢᠶᠠᠨ ᠨᠡᠮᠡᠭᠳᠡᠬᠦᠯᠵᠦ᠂ ᠬᠦᠷᠦᠩᠬᠡ | ᠤᠷᠤᠭᠤᠯᠤᠯᠳᠠ ᠪᠠ ᠴᠢᠳᠠᠪᠤᠷᠢᠳᠠᠨ ᠤ ᠳᠠᠪᠠᠭᠤᠯᠢᠭ ᠢᠶᠠᠷ ᠴᠢᠩᠭ᠎ᠠ ᠳᠤᠮᠤ ᠬᠡᠯᠪᠡᠷᠢ ᠶᠢᠨ ᠠᠵᠤ ᠠᠬᠤᠶᠢᠯᠠᠯ ᠢ ᠤᠷᠢᠨ | ᠤᠷᠤᠭᠤᠯᠬᠤ ᠪᠠᠷ ᠴᠢᠷᠮᠠᠶᠢᠵᠦ᠂ ᠠᠵᠤ ᠠᠬᠤᠢ ᠶᠢᠨ ᠬᠦᠭᠵᠢᠯᠳᠡ ᠳᠤ ᠰᠢᠨ᠎ᠡ ᠬᠦᠴᠦᠨ ᠨᠡᠮᠡᠷᠢᠯᠡᠨ᠎ᠡ᠃ ᠠᠵᠦ | ᠦᠢᠯᠡᠳᠪᠤᠷᠢ ᠶᠢᠨ ᠳᠤᠭᠤᠷᠢᠭ ᠢ ᠳᠡᠰᠵᠢᠬᠦᠯᠬᠦ ᠠᠵᠢᠯ ᠢ ᠰᠠᠶᠢᠳᠤᠷ ᠬᠢᠵᠦ᠂ ᠪᠠᠶᠠᠩᠬᠤᠸᠠ ᠶᠢᠨ ᠨᠡᠬᠦᠷᠡᠰᠦᠨ | ᠠᠭᠤᠷᠬᠠᠢ ᠶᠢᠨ ᠶᠡᠷᠤᠩᠬᠡᠢ ᠴᠤᠭᠴᠠ ᠶᠢᠨ ᠳᠦᠯᠦᠪᠵᠢᠬᠦᠯᠬᠡ ᠶᠢ ᠵᠠᠰᠠᠨ ᠨᠠᠶᠢᠷᠠᠭᠤᠯᠵᠣ ᠲᠠᠭᠤᠰᠬᠠᠬᠤ ᠶᠢᠨ ᠬᠠᠮᠳᠣ | ᠡᠤ ᠵᠢᠶᠠᠨ ᠹᠠᠩ ᠤᠷᠴᠢᠯᠳᠤ ᠠᠵᠤ ᠠᠬᠤᠢ ᠶᠢᠨ ᠵᠢᠱᠢᠶᠡᠴᠢ ᠠᠵᠤ ᠦᠢᠯᠡᠰ ᠤᠨ ᠰᠠᠭᠤᠷᠢᠨ ᠭᠠᠵᠠᠷ ᠤᠨ ᠶᠡᠷᠤᠩᠬᠡᠢ | ᠴᠤᠭᠴᠠ ᠶᠢᠨ ᠳᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠢᠳᠡᠪᠬᠢᠳᠡᠢ ᠦᠷᠨᠢᠬᠦᠯᠦᠨ᠂ ᠠᠵᠤ ᠠᠬᠤᠢ ᠨᠡᠶᠢᠬᠡᠮ | ᠤᠨ ᠬᠤᠶᠢᠰᠢᠳᠡ ᠶᠢᠨ ᠬᠦᠭᠵᠢᠯᠳᠡ ᠳᠤ ᠰᠠᠭᠤᠷᠢ ᠳᠠᠯᠪᠢᠨ᠎ᠠ᠃ ᠪᠠᠶᠠᠩᠬᠤᠸᠠ ᠠᠵᠤ ᠦᠢᠯᠡᠳᠪᠤᠷᠢ ᠶᠢᠨ ᠳᠤᠭᠤᠷᠢᠭ | ᠤᠨ ᠠᠵᠤ ᠦᠢᠯᠡᠳᠪᠤᠷᠢ ᠶᠢᠨ ᠬᠠᠶᠠᠭᠳᠠᠮᠠᠯ ᠪᠤᠳᠠᠰ ᠤᠨ ᠳᠠᠯᠠᠪᠠᠢ ᠶᠢᠨ ᠪᠦᠳᠦᠬᠡᠨ ᠪᠠᠶᠢᠭᠤᠯᠤᠯᠳᠠ ᠶᠢᠨ ᠳᠦᠷᠦᠯ | ᠵᠦᠢᠯ ᠢ ᠠᠬᠢᠭᠤᠯᠤᠨ᠎ᠠ᠃ ᠵᠢᠨᠵᠸᠤ ᠭᠠᠷᠠᠮ᠂ ᠵᠢᠨᠵᠸᠤ ᠠᠴᠠ ᠪᠠᠶᠠᠩᠬᠤᠸᠠ ᠬᠦᠷᠬᠦ ᠳᠡᠮᠦᠷ ᠵᠠᠮ ᠪᠠ ᠪᠠᠶᠠᠩᠬᠤᠸᠠ | ᠠᠵᠤ ᠦᠢᠯᠡᠳᠪᠤᠷᠢ ᠶᠢᠨ ᠳᠤᠭᠤᠷᠢᠭ ᠵᠡᠷᠬᠡ ᠭᠤᠷᠪᠠᠨ ᠲᠠᠯ᠎ᠠ ᠶᠢ ᠬᠠᠷᠢᠯᠴᠠᠨ ᠵᠠᠯᠭᠠᠯᠳᠤᠬᠤ ᠶᠢ ᠪᠡᠶᠡᠯᠡᠬᠦᠯᠵᠦ᠂ | ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ ᠤᠨ ᠪᠠᠶᠠᠩᠬᠤᠸᠠ ᠡᠬᠡ ᠬᠠᠭᠤᠷᠠᠢ ᠶᠢᠨ | ᠭᠠᠷᠠᠮ ᠤᠨ ᠪᠦᠳᠦᠬᠡᠨ ᠪᠠᠶᠢᠭᠤᠯᠤᠯᠳᠠ ᠶᠢ ᠳᠦᠯᠬᠢᠨ ᠠᠬᠢᠭᠤᠯᠤᠨ᠎ᠠ᠃ | ᠬᠠᠩᠭᠠᠯᠠᠭ᠎ᠠ ᠶᠢᠨ ᠲᠠᠯ᠎ᠠ ᠳᠠᠬᠢ ᠪᠦᠳᠦᠴᠡ ᠶᠢᠨ ᠴᠢᠨᠠᠷᠳᠠᠢ ᠦᠬᠡᠷᠡᠴᠢᠯᠡᠯᠳᠠ ᠪᠣᠯᠬᠤ ︽ᠢᠯᠡᠬᠦᠴᠡ | ᠦᠢᠯᠡᠳᠪᠦᠷᠢ ᠶᠢᠨ ᠴᠢᠳᠠᠪᠦᠷᠢ ᠶᠢ ᠰᠢᠭᠰᠢᠭᠳᠡᠬᠦᠯᠬᠦ᠂ ᠬᠠᠳᠠᠭᠠᠯᠠᠮᠵᠢ ᠶᠢ ᠦᠢᠬᠡᠶᠢᠰᠬᠡᠬᠦ᠂ ᠬᠦᠰᠢᠬᠦᠷᠬᠡ ᠶᠢ | ᠦᠬᠡᠶᠢᠰᠬᠡᠬᠦ᠂ ᠦᠪᠡᠷ ᠤᠨ ᠦᠷᠳᠡᠭ ᠢ ᠪᠠᠭᠤᠷᠠᠭᠤᠯᠬᠤ᠂ ᠲᠣᠳᠠᠭᠳᠠᠯ ᠢᠶᠠᠨ ᠨᠦᠬᠦᠪᠦᠷᠢᠯᠡᠬᠦ︾ ᠵᠡᠷᠬᠡ ᠲᠠᠪᠣᠨ ᠶᠡᠭᠡ | ᠡᠬᠦᠷᠬᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠰᠢᠨ᠎ᠡ ᠬᠦᠭᠵᠢᠯᠳᠡ ᠶᠢᠨ ᠬᠦᠳᠡᠯᠬᠡᠭᠴᠢ ᠬᠦᠴᠦᠨ ᠢ | ᠪᠤᠵᠠᠭᠠᠶᠢᠷᠠᠭᠤᠯᠤᠨ᠎ᠠ᠃ ᠣᠯᠣᠰ᠂ ᠦᠪᠡᠷᠳᠡᠭᠡᠨ ᠵᠠᠰᠠᠬᠤ ᠣᠷᠣᠨ ᠤ ᠲᠣᠷᠠᠳᠣᠭᠰᠠᠨ ᠬᠠᠩᠭᠠᠯᠠᠭ᠎ᠠ ᠶᠢᠨ ᠲᠠᠯ᠎ᠠ ᠳᠠᠬᠢ | ᠪᠦᠳᠦᠴᠡ ᠶᠢᠨ ᠴᠢᠨᠠᠷᠳᠠᠢ ᠦᠬᠡᠷᠡᠴᠢᠯᠡᠯᠳᠠ ᠶᠢᠨ ᠶᠡᠷᠦᠩᠬᠡᠶᠢᠯᠡᠭᠰᠡᠨ ᠲᠦᠷᠦ ᠶᠢᠨ ᠪᠣᠳᠣᠯᠭ᠎ᠠ ᠶᠢ ᠰᠠᠶᠢᠳᠣᠷ | ᠠᠳᠬᠤᠨ ᠬᠡᠷᠡᠭᠵᠢᠬᠦᠯᠵᠣ᠂ ᠲᠠᠪᠠᠭᠤᠯᠢᠭ ᠣᠨᠴᠠᠯᠢᠭᠳᠣ ᠠᠵᠣ ᠦᠢᠯᠡᠰ ᠤᠨ ᠬᠦᠭᠵᠢᠯᠳᠠ ᠪᠣᠯᠣᠨ ᠢᠯᠡᠬᠦᠴᠡ | ᠦᠢᠯᠡᠳᠪᠦᠷᠢ ᠶᠢᠨ ᠴᠢᠳᠠᠪᠦᠷᠢ ᠶᠢ ᠰᠢᠭᠰᠢᠭᠳᠡᠬᠦᠯᠬᠦ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠨ᠂ ᠬᠤᠴᠣᠷᠣᠩᠭᠤᠢ | ᠢᠯᠡᠬᠦᠴᠡ ᠦᠢᠯᠡᠳᠪᠦᠷᠢ ᠶᠢᠨ ᠴᠢᠳᠠᠪᠦᠷᠢ ᠶᠢ ᠡᠷᠡᠰ ᠲᠠᠶᠠᠭᠳᠠᠨ᠎ᠠ᠃ ᠪᠦᠬᠦ ᠬᠤᠰᠢᠭᠤᠨ ᠤ ᠡᠬᠢ ᠪᠠᠶᠠᠯᠢᠭ ᠤᠨ | ᠲᠦᠷᠦᠯ ᠤᠨ ᠠᠵᠣ ᠠᠬᠤᠶᠢᠯᠠᠯ ᠢ ᠨᠠᠷᠢᠨ ᠬᠢᠨᠠᠮᠠᠭᠠᠢ ᠪᠠᠶᠢᠴᠠᠭᠠᠵᠣ᠂ ᠪᠤᠳᠠᠳᠤ ᠪᠠᠶᠢᠳᠠᠯ ᠢ ᠨᠢ ᠣᠶᠢᠯᠭᠠᠨ᠂ ᠲᠦᠷᠦᠯ | ᠠᠩᠬᠢᠯᠠᠨ ᠠᠬᠢᠭᠤᠯᠬᠤ ᠠᠷᠭ᠎ᠠ ᠠᠪᠴᠢᠯ ᠲᠣᠷᠠᠳᠣᠨ᠂ ᠮᠡᠷᠬᠡᠵᠢᠯ ᠢ ᠨᠢ ᠦᠬᠡᠷᠡᠴᠢᠯᠡᠨ ᠲᠡᠰᠵᠢᠬᠦᠯᠬᠦ ᠂ ᠲᠠᠬᠢᠨ | ᠴᠣᠭᠴᠠᠯᠠᠨ ᠨᠢᠬᠡᠳᠣᠬᠦᠯᠬᠦ᠂ ᠲᠦᠪ ᠴᠢᠩᠭ᠎ᠠ ᠪᠠᠷᠢᠮᠵᠢᠶ᠎ᠠ ᠪᠠᠷ ᠰᠢᠭᠰᠢᠬᠦ᠂ ᠲᠦᠷᠦ ᠶᠢᠨ ᠪᠣᠳᠣᠯᠭ᠎ᠠ ᠪᠠᠷ ᠲᠡᠮᠵᠢᠬᠦ ᠪᠠᠷ | ᠲᠠᠮᠵᠢᠨ ︽ᠢᠯᠡᠬᠦᠴᠡ ᠦᠢᠯᠡᠳᠪᠦᠷᠢ ᠶᠢᠨ ᠴᠢᠳᠠᠪᠦᠷᠢ ᠶᠢ ᠰᠢᠭᠰᠢᠭᠳᠡᠬᠦᠯᠬᠦ︾ ᠠᠵᠢᠯ ᠢ ᠲᠣᠭᠳᠠᠭᠤᠨ ᠢᠶᠠᠷ ᠡᠮᠬᠢ | ᠲᠠᠷᠠᠭᠠᠯᠠᠯ ᠲᠠᠢ ᠪᠠᠷ ᠰᠠᠶᠢᠳᠣᠷ ᠬᠢᠨ᠎ᠠ᠃ | ᠣᠯᠠᠨ ᠠᠷᠭ᠎ᠠ ᠠᠪᠴᠢᠯ ᠢ ᠠᠪᠴᠣ ᠠᠵᠣ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠦᠷᠳᠡᠭ ᠢ ᠨᠢ | ᠪᠠᠭᠤᠷᠠᠭᠤᠯᠣᠨ᠎ᠠ᠃ ᠪᠣᠳᠠᠳᠣ ᠠᠵᠣ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠦᠷᠳᠡᠭ ᠢ ᠪᠠᠭᠤᠷᠠᠭᠤᠯᠬᠤ | ᠠᠵᠢᠯᠯᠠᠭ᠎ᠠ ᠶᠢ ᠬᠦᠨᠵᠡᠬᠡᠢ ᠦᠷᠨᠢᠬᠦᠯᠵᠣ᠂ ᠵᠠᠰᠠᠭ ᠤᠨ ᠶᠠᠪᠣᠳᠠᠯ ᠢ ᠴᠣᠮᠬᠠᠳᠬᠠᠨ ᠡᠷᠬᠡ ᠶᠢ ᠨᠢ ᠲᠠᠯᠪᠢᠬᠤ᠂ | ᠮᠦᠩᠬᠦᠨ ᠬᠦᠢᠯᠬᠡᠬᠡᠨ ᠤ ᠳᠡᠮᠵᠢᠯᠬᠡ᠂ ᠬᠦᠢᠯᠬᠡᠬᠡᠨ ᠤ ᠰᠢᠰᠲ᠋ᠧᠮ ᠪᠠ ᠴᠠᠬᠢᠯᠭᠠᠨ ᠤ ᠦᠨ᠎ᠡ ᠶᠢ ᠵᠠᠬ᠎ᠠ | ᠲᠡᠯᠬᠡᠬᠦᠷᠵᠢᠬᠦᠯᠦᠨ ᠦᠬᠡᠷᠡᠴᠢᠯᠡᠬᠦ ᠵᠢᠴᠢ ᠲᠣᠭᠳᠠᠭᠠᠯ ᠶᠣᠰᠣᠭᠠᠷ ᠭᠠᠶᠢᠯᠢ ᠶᠢ ᠨᠢ ᠪᠠᠭᠠᠰᠬᠠᠬᠤ ᠵᠡᠷᠭᠡ ᠲᠦᠷᠦ ᠶᠢᠨ | ᠪᠣᠳᠣᠯᠭ᠎ᠠ ᠲᠣᠭᠳᠠᠭᠠᠬᠤ ᠪᠠᠷ ᠲᠠᠮᠵᠢᠨ ᠠᠵᠣ ᠠᠬᠤᠶᠢᠯᠠᠯ ᠤᠨ ᠰᠣᠯᠢᠯᠴᠠᠭ᠎ᠠ᠂ ᠬᠦᠮᠦᠨ ᠤ ᠬᠦᠴᠦᠨ᠂ ᠡᠳ᠋ ᠤᠨ | ᠶᠠᠪᠣᠳᠠᠯ᠂ ᠪᠣᠳᠠᠰ ᠤᠨ ᠬᠦᠢᠯᠬᠡᠬᠡᠨ ᠤ ᠦᠪᠡᠷ ᠤᠨ ᠦᠷᠳᠡᠭ ᠢ ᠪᠠᠭᠤᠷᠠᠭᠤᠯᠬᠤ ᠶᠢᠨ ᠬᠠᠮᠳᠣ ᠭᠠᠶᠢᠯᠢ ᠶᠢᠨ | ᠲᠠᠷᠣᠭᠠᠰᠣ ᠶᠢ ᠨᠢ ᠬᠦᠩᠬᠡᠯᠡᠨ᠂ ᠠᠵᠣ ᠠᠬᠤᠶᠢᠯᠠᠯ ᠤᠨ ᠦᠷᠢᠰᠦᠯᠳᠦᠬᠦ ᠬᠦᠴᠦᠨ᠂ ᠠᠰᠢᠭ ᠣᠯᠬᠤ ᠴᠢᠳᠠᠪᠦᠷᠢ ᠪᠠ | ᠬᠦᠭᠵᠢᠯᠳᠠ ᠶᠢᠨ ᠨᠦᠬᠡᠴᠡ ᠬᠦᠴᠦᠨ ᠢ ᠨᠢ ᠨᠡᠮᠡᠭᠳᠡᠬᠦᠯᠦᠨ᠎ᠡ᠃ ᠠᠵᠤ ᠠᠬᠤᠶᠢᠯᠠᠯ ᠤᠨ ᠡᠷᠬᠢᠯᠳᠡ ᠪᠠ | ᠬᠡᠪᠴᠢᠶᠡᠵᠢᠬᠦᠯᠬᠦ ᠶᠢ ᠰᠠᠶᠢᠳᠤᠷ ᠠᠳᠬᠤᠵᠤ᠂ ᠤᠯᠠᠨ ᠤᠯᠤᠰ ᠤᠨ ᠰᠢᠨ᠎ᠡ ᠡᠨᠧᠷᠬᠢ ᠶᠢᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠲᠦᠷᠦᠯ ᠵᠦᠢᠯ᠂ ᠶᠢᠨ ᠮᠠᠨ ᠠᠭᠤᠷᠬᠠᠢ ᠶᠢᠨ ᠦᠢᠯᠡᠰ ᠤᠨ ᠪᠠᠶᠠᠨᠴᠠᠭᠠᠨ ᠳᠠᠬᠢ ᠦᠩᠬᠡᠳᠣ | ᠲᠡᠮᠦᠷᠯᠢᠭ ᠢ ᠰᠣᠩᠭᠤᠨ ᠪᠣᠯᠪᠠᠰᠣᠷᠠᠭᠤᠯᠬᠤ ᠲᠦᠷᠦᠯ ᠵᠦᠢᠯ᠂ ᠬᠢᠷᠢᠨ ᠮᠣᠵᠢ ᠶᠢᠨ ᠬᠤᠣ ᠷᠦᠩ ᠪᠦᠯᠦᠭᠯᠡᠯ ᠤᠨ | ᠨᠢᠺᠧᠯ ᠬᠠᠶᠢᠯᠤᠭᠤᠯᠤᠨ ᠪᠤᠯᠪᠠᠰᠤᠷᠠᠭᠤᠯᠬᠤ ᠳᠦᠷᠦᠯ ᠵᠦᠢᠯ ᠤᠨ ᠤᠷᠤᠭᠰᠢᠳᠠᠢ ᠬᠡᠪᠴᠢᠶᠡᠵᠢᠬᠦ ᠶᠢ ᠪᠡᠶᠡᠯᠡᠬᠦᠯᠦᠨ᠎ᠡ᠃ | 2016 ᠤᠨ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠢ 70 ᠳ᠋ᠦᠩᠰᠢᠭᠤᠷ ᠲᠦᠬᠦᠷᠢᠭ ᠲᠤ ᠬᠦᠷᠬᠡᠨ᠂ 7.2% ᠪᠠᠷ ᠨᠡᠮᠡᠭᠳᠡᠬᠦᠯᠵᠦ᠂ ᠬᠦᠷᠡᠩ ᠨᠡᠬᠦᠷᠡᠰᠦ | 3900 ᠲᠦᠮᠡᠨ ᠲᠤᠨ ᠦᠢᠯᠡᠳᠪᠦᠷᠢᠯᠡᠨ᠂ 12% ᠪᠠᠷ ᠨᠡᠮᠡᠭᠳᠡᠬᠦᠯᠦᠨ᠎ᠡ︔ 16000 ᠲᠤᠨ ᠬᠠᠷ᠎ᠠ ᠲᠤᠭᠤᠯᠭ᠎ᠠ | ᠂ 25000 ᠲᠤᠨ ᠴᠠᠶᠢᠷ᠂ 3600 ᠲᠤᠨ ᠵᠡᠰ᠂ 220 ᠲᠤᠨ ᠮᠦᠩᠬᠦ᠂ 2000 ᠲᠤᠨ ᠴᠠᠭᠠᠨ ᠲᠤᠭᠤᠯᠭ᠎ᠠ | ᠰᠤᠩᠭᠤᠨ ᠪᠤᠯᠪᠠᠰᠤᠷᠠᠭᠤᠯᠵᠤ᠂ ᠴᠦᠮ ᠨᠢᠳᠦᠨᠤᠨ ᠤ ᠠᠳᠠᠯᠢ ᠬᠤᠭᠤᠴᠠᠭ᠎ᠠ ᠲᠠᠢ ᠨᠢ ᠲᠡᠩᠴᠡᠬᠦᠦ ᠪᠠᠶᠢᠯᠭᠠᠨ᠎ᠠ︔ | 11 ᠳᠦᠮᠡᠨ ᠳᠤᠨ ᠴᠠᠶᠢᠷ ᠤᠨ ᠬᠡᠰᠡᠭ ᠬᠠᠶᠢᠯᠤᠭᠤᠯᠤᠨ ᠪᠤᠯᠪᠠᠰᠤᠷᠠᠭᠤᠯᠵᠦ᠂ ᠨᠢᠳᠦᠨᠤᠨ ᠤ ᠠᠳᠠᠯᠢ ᠬᠤᠭᠤᠴᠠᠭ᠎ᠠ | ᠲᠠᠢ ᠨᠢ ᠲᠡᠩᠴᠡᠬᠦᠦ ᠪᠠᠶᠢᠯᠭᠠᠨ᠎ᠠ︔ 1 ᠲᠦᠮᠡᠨ ᠲᠤᠨ ᠨᠢᠺᠧᠯ ᠬᠠᠶᠢᠯᠤᠭᠤᠯᠤᠨ ᠪᠤᠯᠪᠠᠰᠤᠷᠠᠭᠤᠯᠤᠨ᠎ᠠ︔ 69 | ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠵᠤ᠂ 3.6% ᠪᠠᠷ ᠨᠡᠮᠡᠭᠳᠡᠬᠦᠯᠦᠨ᠎ᠡ︔ 5 ᠳ᠋ᠦᠩᠰᠢᠭᠤᠷ | ᠺᠢᠯᠤᠸᠠᠲ ᠴᠠᠭ ᠴᠠᠬᠢᠯᠭᠠᠨ ᠬᠠᠩᠭᠠᠵᠤ᠂ ᠨᠢᠳᠦᠨᠤᠨ ᠤ ᠠᠳᠠᠯᠢ ᠬᠤᠭᠤᠴᠠᠭ᠎ᠠ ᠲᠠᠢ ᠨᠢ ᠲᠡᠩᠴᠡᠬᠦᠦ ᠪᠠᠶᠢᠯᠭᠠᠨ᠎ᠠ︔ | 38 ᠲᠦᠮᠡᠨ ᠲᠤᠨ ᠱᠦᠢᠨᠢ ᠦᠢᠯᠡᠳᠪᠦᠷᠢᠯᠡᠵᠦ᠂ ᠨᠢᠳᠦᠨᠤᠨ ᠤ ᠠᠳᠠᠯᠢ ᠬᠤᠭᠤᠴᠠᠭ᠎ᠠ ᠲᠠᠢ ᠨᠢ ᠲᠡᠩᠴᠡᠬᠦᠦ | ᠪᠠᠶᠢᠯᠭᠠᠨ᠎ᠠ︔ 2 ᠲᠦᠮᠡᠨ ᠲᠤᠨ ᠤᠰᠤᠳᠦ᠋ᠷᠦᠭᠴᠢᠳᠣ ᠹᠯᠤᠷ ᠤᠨ ᠬᠦᠴᠢᠯ ᠦᠢᠯᠡᠳᠪᠦᠷᠢᠯᠡᠵᠦ᠂ 25% ᠪᠠᠷ | ᠨᠡᠮᠡᠭᠳᠡᠬᠦᠯᠦᠨ᠎ᠡ᠃ | ᠬᠤᠶᠠᠷ ᠲᠤ᠂ ᠤᠯᠤᠰ ᠤᠨ ᠴᠢᠬᠤᠯᠠ ᠪᠤᠯᠬᠤ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠶᠢ ᠡᠳ᠋ᠰᠢᠯᠡᠬᠦᠯᠦᠨ | ᠪᠤᠯᠪᠠᠰᠤᠷᠠᠭᠤᠯᠵᠤ ᠭᠠᠳᠠᠭᠰᠢᠭᠤᠯᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠬᠤ ᠪᠠᠷ ᠬᠠᠷᠠᠯᠳᠠ ᠪᠤᠯᠭᠠᠵᠤ᠂ | ᠤᠯᠠᠮᠵᠢᠯᠠᠯᠳᠤ ᠮᠠᠯ ᠠᠵᠤ ᠠᠬᠤᠢ ᠶᠢ ᠤᠳᠤᠬᠢᠴᠢᠯᠠᠭᠰᠠᠨ ᠮᠠᠯ ᠠᠵᠤ ᠠᠬᠤᠢ ᠵᠦᠭ ᠬᠤᠪᠢᠷᠠᠭᠤᠯᠣᠨ᠎ᠠ᠃ ᠮᠠᠯ ᠤᠨ | ᠪᠦᠳᠦᠬᠡᠭᠳᠡᠬᠦᠨ ᠢ ᠶᠡᠷᠦᠩᠬᠡᠶᠢᠯᠡᠨ ᠦᠢᠯᠡᠳᠪᠦᠷᠢᠯᠡᠬᠦ ᠴᠢᠳᠠᠪᠤᠷᠢ ᠶᠢ ᠲᠤᠭᠳᠠᠭᠤᠨ ᠢᠶᠠᠷ ᠲᠡᠭᠡᠭᠰᠢᠯᠡᠬᠦᠯᠬᠦ ᠪᠠᠷ | ᠭᠤᠤᠯᠳᠠᠯᠭ᠎ᠠ ᠪᠤᠯᠭᠠᠵᠤ᠂ ᠮᠠᠯ ᠤᠨ ᠡᠬᠦᠯᠳᠡᠷ ᠰᠠᠶᠢᠵᠢᠷᠠᠭᠤᠯᠤᠯᠳᠠ ᠪᠠ ᠪᠦᠳᠦᠴᠡ ᠶᠢᠨ ᠳᠤᠬᠢᠷᠠᠭᠤᠯᠤᠯᠳᠠ ᠶᠢ | ᠳᠦᠷᠬᠡᠳᠬᠡᠨ᠂ ︽ᠪᠤᠭ ᠮᠠᠯ ᠢ ᠰᠢᠯᠢᠳᠡᠭᠵᠢᠬᠦᠯᠦᠨ᠂ ᠪᠤᠳᠠ ᠮᠠᠯ ᠢ ᠨᠡᠮᠡᠭᠳᠡᠬᠦᠯᠵᠣ︾᠂ ᠵᠠᠬ᠎ᠠ ᠳᠡᠯᠬᠡᠬᠦᠷ ᠤᠨ | ᠡᠷᠡᠰᠳᠡᠯ ᠠᠴᠠ ᠵᠠᠶᠢᠯᠠᠰᠬᠢᠨ᠂ ᠰᠠᠶᠢᠨ ᠡᠬᠦᠯᠳᠡᠷ ᠤᠨ ᠮᠢᠬᠠᠨ ᠤ ᠦᠬᠡᠷ ᠤᠨ ᠠᠵᠤ ᠦᠢᠯᠡᠰᠵᠢᠯᠳᠡ ᠶᠢᠨ | ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠢᠮᠧᠨ᠋ᠲ᠋ᠧᠷ ᠦᠬᠡᠷ᠂ ᠱᠠᠷᠦ᠋ᠯᠠᠢ ᠦᠬᠡᠷ ᠤᠨ ᠭᠤᠤᠯᠳᠠᠯᠭᠠᠳᠤ | ᠰᠦᠷᠦᠭ ᠤᠨ ᠪᠠᠶᠢᠭᠤᠯᠤᠯᠳᠠ ᠶᠢ ᠴᠢᠩᠭᠠᠳᠬᠠᠵᠦ᠂ ᠴᠡᠪᠡᠷ ᠡᠬᠦᠯᠳᠡᠷ ᠤᠨ ᠠᠩᠭᠧᠰ ᠮᠢᠬᠠᠨ ᠤ ᠦᠬᠡᠷ ᠢ ᠭᠠᠳᠠᠨ᠎ᠠ | ᠠᠴᠠ ᠤᠷᠤᠭᠤᠯᠬᠤ ᠪᠠ ᠪᠤᠶᠢᠵᠢᠭᠤᠯᠬᠤ ᠠᠵᠢᠯ ᠢ ᠠᠬᠢᠭᠤᠯᠵᠦ᠂ ᠮᠠᠯᠴᠢᠳ ᠢ ᠵᠢᠯᠤᠭᠤᠳᠤᠨ᠂ ᠡᠬᠦᠯᠳᠡᠷ | ᠰᠠᠶᠢᠵᠢᠷᠠᠭᠤᠯᠤᠭᠰᠠᠨ ᠦᠨᠢᠶ᠎ᠡ ᠶᠢ ᠠᠷᠠᠴᠢᠯᠠᠨ ᠬᠠᠮᠠᠭᠠᠯᠠᠬᠤ ᠪᠠ ᠦᠷ᠎ᠡ ᠶᠢᠨ ᠮᠠᠯ ᠢ ᠪᠤᠶᠢᠵᠢᠭᠤᠯᠬᠤ ᠶᠢ | ᠴᠢᠩᠭᠠᠳᠬᠠᠨ᠎ᠠ᠃ ᠦᠵᠦᠮᠦᠴᠢᠨ ᠬᠤᠨᠢᠨ ᠤ ᠡᠬᠦᠯᠳᠡᠷ ᠢ ᠴᠡᠪᠡᠷᠰᠢᠬᠦᠯᠦᠨ ᠴᠤᠯᠠᠰᠢᠭᠤᠯᠬᠤ ᠵᠢᠴᠢ ᠠᠵᠤ | ᠦᠢᠯᠡᠰᠵᠢᠯᠳᠡ ᠶᠢᠨ ᠬᠦᠭᠵᠢᠯᠳᠡ ᠶᠢ ᠰᠠᠶᠢᠳᠤᠷ ᠠᠳᠬᠤᠵᠦ᠂ ᠬᠤᠴᠠ ᠪᠤᠶᠢᠵᠢᠭᠤᠯᠬᠤ ᠳᠤᠰᠬᠠᠢ ᠡᠷᠦᠬᠡ ᠪᠠ | ᠪᠠᠷᠢᠮᠵᠢᠶᠠᠵᠢᠭᠰᠠᠨ ᠰᠦᠷᠦᠭ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠬᠦᠨᠳᠤ ᠶᠡᠭᠡ ᠠᠮᠢᠳᠠᠨ ᠤ ᠬᠢᠵᠢᠭ ᠢ | ᠪᠦᠬᠦ ᠲᠠᠯ᠎ᠠ ᠪᠠᠷ ᠰᠡᠷᠬᠡᠶᠢᠯᠡᠨ᠂ ᠮᠠᠯ ᠤᠨ ᠬᠢᠵᠢᠭ ᠬᠡᠮ ᠢ ᠬᠤᠷᠢᠭᠯᠠᠨ ᠰᠡᠷᠬᠡᠶᠢᠯᠡᠬᠦ ᠠᠵᠢᠯ ᠢ ᠰᠠᠶᠢᠳᠤᠷ ᠠᠳᠬᠤᠨ᠎ᠠ᠃ | ᠮᠤᠩᠭᠤᠯ ᠮᠤᠷᠢᠨ ᠤ ᠡᠬᠦᠯᠳᠡᠷ ᠢ ᠬᠠᠮᠠᠭᠠᠯᠠᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠦ᠂ ᠮᠤᠩᠭᠤᠯ ᠮᠤᠷᠢᠨ ᠤ | ᠰᠢᠯᠢᠳᠡᠭ ᠤᠳᠤᠮᠯᠠᠯ ᠤᠨ ᠭᠸᠡ ᠢ ᠬᠠᠮᠠᠭᠠᠯᠠᠭᠰᠠᠨ ᠰᠠᠭᠤᠷᠢᠨ ᠳᠡᠬᠡᠷ᠎ᠡ᠂ ᠠᠳᠤᠭᠤᠨ ᠤ ᠦᠢᠯᠡᠰ ᠤᠨ ᠬᠤᠷᠰᠢᠶᠠᠵᠢᠯ ᠢ | ᠲᠦᠷᠢᠮᠵᠢᠬᠦᠯᠵᠦ᠂ ᠴᠡᠬᠡᠨ ᠤ ᠪᠦᠳᠦᠬᠡᠭᠳᠡᠬᠦᠨ ᠢ ᠨᠡᠬᠡᠬᠡᠨ ᠬᠦᠭᠵᠢᠬᠦᠯᠬᠦ᠂ ᠲᠠᠯ᠎ᠠ ᠨᠤᠳᠤᠭ ᠢᠶᠠᠷ ᠮᠤᠷᠢ ᠲᠠᠢ | ᠵᠤᠭᠠᠴᠠᠬᠤ ᠵᠡᠷᠬᠡ ᠬᠠᠮᠢᠶ᠎ᠠ ᠪᠦᠬᠦᠢ ᠠᠵᠤ ᠦᠢᠯᠡᠰ ᠢ ᠵᠤᠷᠢᠭᠵᠢᠭᠤᠯᠤᠨ ᠬᠦᠭᠵᠢᠬᠦᠯᠤᠨ᠎ᠡ᠃ ᠮᠠᠯ ᠤᠨ ᠠᠰᠢᠭ ᠰᠢᠮ᠎ᠡ | ᠶᠢᠨ ᠴᠢᠨᠠᠷ ᠴᠢᠨᠰᠠᠭ᠎ᠠ ᠳᠤ ᠬᠢᠨᠠᠯᠳᠠ ᠳᠠᠯᠪᠢᠵᠦ᠂ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠬᠢᠷᠢ ᠲᠦᠪᠰᠢᠨ ᠢ | ᠲᠡᠭᠡᠭᠰᠢᠯᠡᠬᠦᠯᠤᠨ᠎ᠡ᠃ ᠬᠤᠨᠢᠨ ᠮᠢᠬᠠᠨ ᠤ ᠢᠷᠡᠯᠳᠠ ᠶᠢ ᠬᠠᠶᠢᠬᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢᠨ | ᠠᠵᠢᠯ ᠢ ᠦᠷᠨᠢᠬᠦᠯᠦᠨ᠂ ︽ᠠᠵᠣ ᠠᠬᠤᠶᠢᠯᠠᠯ + ᠬᠤᠷᠰᠢᠶᠠᠵᠢᠯ + ᠮᠠᠯᠴᠢᠨ ᠡᠷᠦᠬᠡ︾ ᠬᠡᠮᠡᠬᠦ ᠵᠠᠬᠢᠶᠠᠯᠠᠭ᠎ᠠ ᠶᠢᠨ | ᠬᠡᠷ᠎ᠡ ᠶᠢᠨ ᠠᠰᠢᠭ ᠳᠤᠰᠠ ᠶᠢ ᠬᠤᠯᠪᠤᠯᠳᠤᠭᠤᠯᠬᠤ ᠵᠤᠬᠢᠴᠠᠮᠵᠢ ᠶᠢ ᠳᠡᠬᠦᠯᠳᠡᠷᠵᠢᠬᠦᠯᠦᠨ᠂ ︽ᠵᠠᠬᠢᠶᠠᠯᠠᠭ᠎ᠠ ᠶᠢᠨ ᠮᠠᠯ | ᠠᠵᠤ ᠠᠬᠤᠢ︾ ᠶᠢ ᠳᠦᠯᠬᠢᠨ ᠠᠬᠢᠭᠤᠯᠤᠨ᠎ᠠ᠃ ︽ᠦᠵᠦᠮᠦᠴᠢᠨ ᠬᠤᠨᠢᠨ ᠮᠢᠬᠠᠨ ᠤ ᠨᠡᠷᠡᠳᠤ ᠳᠡᠮᠳᠡᠭ︾ ᠤᠨ | ᠪᠠᠶᠢᠯᠳᠤᠬᠤ ᠪᠤᠳᠤᠯᠭ᠎ᠠ ᠳᠤ ᠳᠦᠰᠢᠭᠯᠡᠨ᠂ ᠮᠠᠯ ᠤᠨ ᠪᠦᠳᠦᠬᠡᠭᠳᠡᠬᠦᠨ ᠤ ᠡᠯᠧᠺᠲᠷᠤᠨ ᠬᠤᠳᠠᠯᠳᠤᠭ᠎ᠠ ᠶᠢ | ᠬᠦᠭᠵᠢᠬᠦᠯᠬᠦ ᠶᠢ ᠳᠦᠯᠬᠢᠨ ᠠᠬᠢᠭᠤᠯᠵᠦ᠂ ︽ᠢᠨᠲ᠋ᠧᠷ ᠰᠦᠯᠵᠢᠶ᠎ᠡ +︾ ᠰᠦᠯᠵᠢᠶᠡᠨ ᠤ ᠵᠠᠬ᠎ᠠ ᠳᠡᠯᠬᠡᠬᠦᠷ ᠪᠠ | ᠪᠤᠳᠠᠳᠤ ᠳᠡᠯᠬᠡᠬᠦᠷ ᠢ ᠤᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠬᠦᠯᠦᠨ᠂ ᠬᠤᠨᠢᠨ ᠮᠢᠬᠠᠨ ᠤ ᠤᠬᠠᠭᠤᠯᠭ᠎ᠠ ᠶᠢᠨ | ᠠᠵᠢᠯᠯᠠᠭ᠎ᠠ ᠶᠢ ᠴᠢᠩᠭᠠᠳᠬᠠᠵᠤ᠂ ᠦᠵᠦᠮᠦᠴᠢᠨ ᠬᠤᠨᠢᠨ ᠮᠢᠬᠠᠨ ᠤ ᠪᠡᠬᠡᠵᠢᠩ ᠵᠡᠷᠬᠡ ᠶᠡᠭᠡ ᠬᠤᠳᠠ ᠳᠠᠬᠢ ᠵᠠᠬ᠎ᠠ | ᠳᠡᠯᠬᠡᠬᠦᠷ ᠤᠨ ᠦᠷᠢᠰᠦᠯᠳᠦᠬᠦ ᠬᠦᠴᠦᠨ ᠪᠠ ᠡᠵᠡᠯᠡᠬᠦ ᠨᠤᠷᠮ᠎ᠠ ᠶᠢ ᠨᠢ ᠨᠡᠮᠡᠭᠳᠡᠬᠦᠯᠦᠨ᠎ᠡ᠃ | ᠭᠤᠷᠪᠠ ᠳᠤ᠂ ᠲᠠᠯ᠎ᠠ ᠨᠤᠳᠤᠭ ᠤᠨ ᠰᠤᠶᠤᠯ ᠢ ᠬᠠᠷᠠᠭᠤᠯᠬᠤ᠂ ᠤᠮᠠᠷᠠᠳᠤ ᠤᠷᠤᠨ ᠤ ᠤᠨᠴᠠᠯᠢᠭ ᠲᠠᠢ | ᠵᠢᠭᠤᠯᠴᠢᠯᠠᠯ ᠰᠡᠯᠡᠬᠦᠴᠡᠯ ᠠᠮᠠᠷᠠᠯᠳᠠ ᠶᠢᠨ ᠰᠠᠭᠤᠷᠢᠨ ᠭᠠᠵᠠᠷ ᠢ ᠪᠠᠶᠢᠭᠤᠯᠬᠤ ᠪᠠᠷ ᠤᠳᠤᠷᠢᠳᠤᠮᠵᠢ ᠪᠤᠯᠭᠠᠵᠤ᠂ | ᠦᠢᠯᠡᠴᠢᠯᠡᠬᠡᠨ ᠤ ᠦᠢᠯᠡᠰ ᠤᠨ ᠲᠦᠷᠬᠡᠨ ᠬᠦᠭᠵᠢᠬᠦ ᠶᠢ ᠬᠦᠴᠦᠯᠡᠨ ᠠᠬᠢᠭᠤᠯᠤᠨ᠎ᠠ᠃ ︽ᠵᠢᠭᠤᠯᠴᠢᠯᠠᠯ ᠢ ᠶᠡᠬᠡᠪᠡᠷ | ᠬᠦᠭᠵᠢᠬᠦᠯᠬᠦ︾ ᠤᠶᠢᠯᠠᠭᠠᠭᠳᠠᠬᠤᠨ ᠢ ᠪᠣᠢ ᠪᠣᠯᠭᠠᠵᠣ᠂ ᠲᠠᠯ᠎ᠠ ᠨᠤᠳᠤᠭ ᠤᠨ ᠰᠤᠶᠤᠯ ᠪᠤᠯᠤᠨ ᠵᠢᠭᠤᠯᠴᠢᠯᠠᠯ ᠤᠨ | ᠦᠢᠯᠡᠰ ᠤᠨ ᠬᠦᠨᠵᠡᠬᠡᠢ ᠠᠭᠤᠰᠤᠯᠴᠠᠨ ᠬᠦᠭᠵᠢᠬᠦ ᠶᠢ ᠲᠦᠷᠬᠡᠳᠬᠡᠨ ᠠᠬᠢᠭᠤᠯᠵᠤ᠂ ᠪᠠᠷᠠᠭᠤᠨ ᠦᠵᠦᠮᠦᠴᠢᠨ | ᠬᠤᠰᠢᠭᠤ ᠪᠠᠨ ᠲᠠᠯ᠎ᠠ ᠨᠤᠳᠤᠭ ᠤᠨ ᠦᠩᠬᠡ ᠦᠵᠡᠮᠵᠢ ᠪᠤᠯᠤᠨ ᠦᠨᠳᠦᠰᠦᠳᠡᠨ ᠤ ᠵᠠᠩ ᠦᠢᠯᠡ ᠬᠡᠪ ᠰᠤᠷᠳᠠᠬᠤᠨ | ᠢᠶᠠᠷ ᠭᠤᠤᠯ ᠴᠤᠭᠴᠠ ᠪᠤᠯᠭᠠᠭᠰᠠᠨ᠂ ᠲᠠᠯ᠎ᠠ ᠨᠤᠳᠤᠭ ᠤᠨ ᠴᠠᠰᠤ ᠮᠦᠰᠦᠨ ᠤ ᠵᠢᠭᠤᠯᠴᠢᠯᠠᠯ ᠪᠤᠯᠤᠨ ᠲᠠᠯ᠎ᠠ ᠨᠤᠳᠤᠭ | ᠤᠨ ᠪᠡᠶ᠎ᠡ ᠶᠢᠨ ᠲᠠᠮᠢᠷ ᠤᠨ ᠤᠷᠤᠯᠳᠤᠭᠠᠨ ᠮᠦᠷᠦᠶᠢᠴᠡᠬᠡᠨ ᠤ ᠨᠠᠶᠢᠷ ᠢᠶᠠᠷ ᠬᠤᠶᠠᠷ ᠵᠢᠬᠦᠷ ᠪᠤᠯᠭᠠᠭᠰᠠᠨ᠂ ︽ᠲᠠᠯ᠎ᠠ | ᠨᠤᠳᠤᠭ ᠤᠨ ᠵᠤᠭᠠᠴᠠᠯ᠂ ᠰᠡᠯᠡᠬᠦᠴᠡᠯ᠂ ᠠᠮᠠᠷᠠᠯᠳᠠ︾ ᠭᠤᠷᠪᠠ ᠶᠢ ᠨᠢᠬᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ | ᠮᠠᠶ᠋ᠢᠭ ᠤᠨ ᠵᠢᠭᠤᠯᠴᠢᠯᠠᠯ ᠤᠨ ᠭᠠᠵᠠᠷ ᠪᠤᠯᠭᠠᠨ ᠪᠠᠶᠢᠭᠤᠯᠵᠤ᠂ ︽ᠪᠠᠭ᠋ᠠᠷᠤᠮ᠎ᠠ ᠰᠠᠶᠢᠬᠠᠨ ᠪᠠᠷᠠᠭᠤᠨ ᠦᠵᠦᠮᠦᠴᠢᠨ᠂ | ᠪᠠᠶᠠᠰᠤᠨ ᠵᠤᠭᠠᠴᠠᠬᠤ ᠲᠠᠷᠬᠠᠨ ᠤᠷᠤᠨ︾ ᠬᠡᠮᠡᠬᠦ ᠨᠡᠷᠡᠳᠦ ᠳᠡᠮᠳᠡᠭ ᠢ ᠦᠷᠬᠦᠯᠵᠢᠯᠡᠨ ᠡᠬᠦᠳᠦᠨ᠎ᠡ᠃ ᠵᠠᠰᠠᠭ ᠤᠨ | ᠤᠷᠳᠤᠨ ᠪᠡᠯᠡ ᠤᠷᠤᠭᠤᠯᠬᠤ ᠪᠠ ᠨᠡᠶᠢᠬᠡᠮ ᠤᠨ ᠪᠡᠯᠡ ᠮᠦᠩᠬᠦ ᠶᠢ ᠲᠠᠳᠠᠬᠤ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠵᠦ᠂ ᠰᠦᠯᠳᠡ ᠦᠵᠦᠮᠦᠴᠢᠨ ᠰᠤᠶᠤᠯ ᠤᠨ ᠠᠵᠤ ᠦᠢᠯᠡᠰ ᠤᠨ ᠳᠤᠭᠤᠷᠢᠭ ᠤᠨ ᠪᠠᠶᠢᠭᠤᠯᠤᠯᠳᠠ ᠶᠢ | ᠳᠦᠷᠬᠡᠳᠬᠡᠨ᠂ 4A ᠲᠡᠰ ᠤᠨ ᠤᠯᠠᠭᠠᠨ ᠤᠳᠠᠢ ᠵᠢᠭᠤᠯᠴᠢᠯᠠᠯ ᠤᠨ ᠤᠷᠤᠨ ᠪᠠᠷ ᠵᠢᠱᠢᠶᠡᠴᠢ ᠪᠤᠯᠭᠠᠵᠤ᠂ ᠶᠤᠯᠤ | ᠬᠠᠶᠢᠷᠬᠠᠨ᠂ ᠮᠤᠩᠭᠤᠯ ᠬᠠᠨ ᠬᠤᠳᠠ᠂ ᠨᠡᠬᠦᠳᠡᠯᠴᠢᠨ ᠠᠶᠢᠮᠠᠭ᠂ ᠰᠡᠷᠬᠦᠯᠡᠩ ᠬᠠᠷᠠᠭᠠᠳᠤ᠂ ᠬᠠᠪᠴᠠᠭᠠᠢ ᠵᠢᠭᠤᠯᠴᠢᠯᠠᠯ | ᠤᠨ ᠤᠷᠤᠨ ᠤ ᠲᠡᠰ ᠲᠡᠪᠰᠢᠬᠦ ᠶᠢ ᠠᠬᠢᠭᠤᠯᠵᠤ᠂ ᠪᠦᠬᠦ ᠤᠯᠤᠰ ᠤᠨ ᠬᠡᠪᠴᠢᠶᠡᠨ ᠳᠤ ᠨᠠᠷ᠎ᠡ ᠠᠯᠳᠠᠷᠰᠢᠭᠰᠠᠨ | ᠵᠢᠭᠤᠯᠴᠢᠯᠠᠯ ᠤᠨ ᠤᠷᠤᠨ ᠪᠤᠯᠭᠠᠨ᠎ᠠ᠃ ᠳᠦᠷᠦ ᠶᠢᠨ ᠪᠤᠳᠤᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ | ︽ᠮᠠᠯᠴᠢᠨ ᠠᠶᠢᠯ︾ ᠵᠤᠭᠠᠴᠠᠯ ᠤᠨ ᠴᠢᠭ ᠤᠨ ᠪᠠᠶᠢᠭᠤᠯᠤᠯᠳᠠ ᠶᠢ ᠴᠢᠩᠭᠠᠳᠬᠠᠵᠤ᠂ ᠮᠠᠯᠴᠢᠳ ᠤᠨ ᠡᠵᠡᠩᠨᠡᠯᠳᠡ | ᠶᠢᠨ ᠤᠷᠤᠯᠭ᠎ᠠ ᠶᠢ ᠨᠡᠮᠡᠭᠳᠡᠬᠦᠯᠦᠨ᠎ᠡ᠃ ᠮᠤᠩᠭᠤᠯ ᠴᠠᠭᠠᠨ ᠠᠳᠤᠭᠤᠨ ᠤ ᠰᠤᠶᠤᠯ ᠢᠶᠠᠷ ᠲᠤᠯᠭᠠᠭᠤᠷᠢ ᠪᠤᠯᠭᠠᠵᠤ᠂ | ᠬᠠᠮᠤᠭ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢᠶᠠᠷ ᠨᠡᠷᠡᠳᠦ ᠲᠡᠮᠳᠡᠭᠳᠦ ᠪᠤᠯᠭᠠᠵᠤ᠂ ᠲᠠᠯ᠎ᠠ ᠨᠤᠳᠤᠭ ᠤᠨ | ᠨᠡᠬᠦᠳᠡᠯ ᠰᠤᠶᠤᠯ ᠢᠶᠠᠷ ᠰᠠᠭᠤᠷᠢ ᠪᠤᠯᠭᠠᠨ᠂ ︽ᠢᠳᠡᠬᠦ᠂ ᠬᠤᠨᠤᠬᠤ᠂ ᠠᠶᠠᠯᠠᠬᠤ᠂ ᠵᠤᠭᠠᠴᠠᠨ ᠲᠤᠭᠤᠷᠢᠬᠤ᠂ | ᠬᠤᠳᠠᠯᠳᠤᠭ᠎ᠠ ᠬᠢᠬᠦ᠂ ᠨᠠᠭᠠᠳᠤᠨ ᠴᠡᠩᠬᠡᠬᠦ︾ ᠵᠡᠷᠬᠡ ᠵᠢᠭᠤᠯᠴᠢᠯᠠᠯ ᠤᠨ ᠵᠢᠷᠭᠤᠭᠠᠨ ᠡᠯᠧᠮᠧᠨ᠋ᠲ ᠤᠨ ᠲᠤᠭᠤᠷᠢᠨ ᠳᠤ | ᠵᠢᠭᠤᠯᠴᠢᠯᠠᠯ ᠤᠨ ᠦᠢᠯᠡᠰ ᠤᠨ ᠪᠤᠷᠤᠯᠠᠭᠤᠯᠭ᠎ᠠ ᠶᠢ ᠠᠬᠢᠭᠤᠯᠵᠤ᠂ ᠤᠷᠤᠯᠭ᠎ᠠ ᠶᠢ ᠨᠢ ᠨᠡᠮᠡᠭᠳᠡᠬᠦᠯᠦᠨ᠎ᠡ᠃ | ᠵᠢᠭᠤᠯᠴᠢᠯᠠᠯ ᠤᠨ ᠴᠢᠭ᠂ ᠵᠢᠭᠤᠯᠴᠢᠯᠠᠯ ᠤᠨ ᠲᠤᠭᠤᠷᠢᠭ ᠢ ᠲᠦᠷᠢᠮᠵᠢᠬᠦᠨ ᠬᠠᠮᠢᠶᠠᠷᠬᠤ ᠠᠵᠢᠯ ᠢ ᠰᠠᠶᠢᠳᠤᠷ ᠬᠢᠵᠦ᠂ | ᠡᠮᠬᠢ ᠵᠢᠷᠤᠮ ᠦᠬᠡᠢ ᠨᠡᠬᠡᠬᠡᠨ ᠠᠰᠢᠭᠯᠠᠭᠰᠠᠨ ᠠᠴᠠ ᠪᠤᠯᠵᠤ ᠤᠷᠴᠢᠨ ᠲᠤᠭᠤᠷᠢᠨ ᠢ ᠡᠪᠳᠡᠬᠦ ᠶᠢ ᠰᠡᠷᠬᠡᠶᠢᠯᠡᠨ | ᠬᠤᠷᠢᠭᠯᠠᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠲᠠᠮᠢᠷ ᠤᠨ ᠲᠠᠯᠠᠪᠠᠢ ᠶᠢ ᠠᠵᠢᠯ ᠡᠬᠢᠯᠡᠬᠦᠯᠦᠨ ᠪᠠᠶᠢᠭᠤᠯᠵᠣ | ᠂ ᠬᠦᠯ ᠪᠦᠮᠪᠦᠭᠡ ᠵᠡᠷᠬᠡ ᠡᠯ᠎ᠡ ᠳᠦᠷᠦᠯ ᠤᠨ ᠲᠠᠮᠢᠷ ᠤᠨ ᠦᠢᠯᠡᠰ ᠢ ᠦᠷᠨᠢᠬᠦᠨ ᠬᠦᠭᠵᠢᠬᠦᠯᠦᠨ᠎ᠡ᠃ ᠬᠡᠷ ᠬᠦᠷᠢᠶᠡᠡ | ᠤ ᠠᠳᠠᠯ ᠠᠬᠤᠢ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠬᠡᠬᠡ᠂ ᠰᠠᠩ ᠬᠦᠮᠦᠷᠬᠡ ᠶᠢ ᠭᠠᠳᠠᠭᠰᠢ | ᠲᠦᠷᠢᠶᠡᠰᠦᠯᠡᠬᠦᠯᠬᠦ ᠵᠡᠷᠬᠡ ᠠᠵᠢᠯ ᠲᠦᠷᠦᠯ ᠤᠨ ᠲᠦᠷᠢᠮᠵᠢᠭᠰᠡᠨ ᠬᠦᠭᠵᠢᠯᠳᠡ ᠶᠢ ᠴᠢᠩᠭᠠᠳᠬᠠᠵᠤ᠂ ᠡᠯᠧᠺᠲᠷᠤᠨ | ᠬᠤᠳᠠᠯᠳᠤᠭ᠎ᠠ᠂ ᠮᠡᠷᠬᠡᠵᠢᠯ ᠤᠨ ᠯᠠᠪᠯᠠᠯᠳᠠ ᠵᠡᠷᠬᠡ ᠲᠡᠬᠡᠳᠦ ᠲᠡᠰ ᠤᠨ ᠦᠢᠯᠡᠴᠢᠯᠡᠬᠡᠨ ᠤ ᠦᠢᠯᠡᠰ ᠢ ᠢᠳᠡᠪᠬᠢᠳᠠᠢ | ᠪᠤᠵᠠᠭᠠᠶᠢᠷᠠᠭᠤᠯᠤᠨ᠎ᠠ᠃ ᠤᠳᠤ ᠦᠶ᠎ᠡ ᠶᠢᠨ ᠪᠤᠳᠠᠰ ᠤᠨ ᠬᠦᠢᠯᠬᠡᠬᠡᠨ ᠤ ᠬᠦᠭᠵᠢᠯᠳᠡ ᠶᠢ ᠲᠦᠷᠬᠡᠳᠬᠡᠵᠦ᠂ ᠤᠯᠤᠰ | ᠤᠨ ︽ᠨᠢᠬᠡ ᠪᠦᠰᠡ ᠨᠢᠬᠡ ᠵᠠᠮ︾ ᠤᠨ ᠪᠠᠶᠢᠯᠳᠤᠬᠤ ᠪᠤᠳᠤᠯᠭ᠎ᠠ ᠠᠴᠠ ᠰᠡᠳᠦᠪᠯᠡᠨ᠂ ᠪᠠᠶᠠᠩᠬᠤᠸᠠ ᠪᠤᠳᠠᠰ ᠤᠨ | ᠬᠦᠢᠯᠬᠡᠬᠡᠨ ᠤ ᠳᠤᠭᠤᠷᠢᠭ ᠤᠨ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠪᠦᠰᠡ ᠳᠠᠬᠢ ᠴᠢᠬᠤᠯᠠ | ᠵᠠᠩᠬᠢᠯᠭᠠᠳᠤ ᠴᠢᠭ ᠤᠨ ᠦᠢᠯᠡᠳᠦᠯ ᠢ ᠪᠠᠳᠠᠷᠠᠭᠤᠯᠤᠨ᠎ᠠ᠃ | ︵ᠭᠤᠷᠪᠠ︶ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠬᠦᠭᠵᠢᠯᠳᠡ | ᠶᠢ ᠳᠤᠯᠭᠠᠭᠤᠷᠢᠯᠠᠬᠤ ᠴᠢᠳᠠᠪᠤᠷᠢ ᠶᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃ | ᠨᠢᠬᠡ ᠳᠤ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠪᠤᠯᠤᠨ ᠬᠠᠮᠢᠶᠠᠷᠤᠯᠳᠠ ᠶᠢᠨ ᠬᠢᠷᠢ ᠲᠦᠪᠰᠢᠨ | ᠢ ᠲᠦᠷᠬᠡᠳᠬᠡᠨ ᠲᠡᠭᠡᠭᠰᠢᠯᠡᠬᠦᠯᠦᠨ᠎ᠡ᠃ ︽ᠪᠦᠬᠦ ᠤᠯᠤᠰ ᠤᠨ ᠤᠨᠴᠠᠯᠢᠭᠳᠤ ᠵᠢᠭᠤᠯᠴᠢᠯᠠᠯ ᠤᠨ ᠨᠡᠷᠡᠳᠤ ᠪᠠᠯᠭᠠᠰᠤ︾᠂ | ︽ᠤᠯᠤᠰ ᠤᠨ ᠳᠡᠰ ᠤᠨ ᠴᠡᠴᠡᠷᠯᠢᠭᠳᠦ ᠬᠤᠰᠢᠭᠤ ︵ᠰᠢᠶᠠᠨ︶︾᠂ ︽ᠦᠪᠡᠷᠳᠡᠬᠡᠨ ᠵᠠᠰᠠᠬᠤ ᠤᠷᠤᠨ ᠤ ᠳᠡᠰ | ᠤᠨ ᠠᠮᠢ ᠠᠬᠤᠢ ᠶᠢᠨ ᠤᠷᠤᠰᠢᠨ ᠰᠠᠭᠤᠬᠤ ᠳᠤ ᠲᠠᠭᠠᠳᠠᠢ ᠬᠤᠳᠠ ᠪᠠᠯᠭᠠᠰᠤ︾ ᠪᠠ ᠰᠢᠨ᠎ᠡ ᠬᠡᠯᠪᠡᠷᠢ ᠶᠢᠨ ᠬᠤᠳᠠ | ᠪᠠᠯᠭᠠᠰᠤᠵᠢᠯᠳᠠ ᠶᠢᠨ ᠦᠬᠡᠷᠡᠴᠢᠯᠡᠯᠳᠡ ᠶᠢᠨ ᠳᠤᠷᠰᠢᠯᠳᠠ ᠶᠢᠨ ᠴᠢᠭ ᠤᠨ ᠪᠦᠳᠦᠬᠡᠨ ᠪᠠᠶᠢᠭᠤᠯᠤᠯᠳᠠ ᠶᠢ | ᠴᠤᠭᠴᠠᠯᠠᠬᠤ ᠪᠠᠷ ᠬᠠᠷᠠᠯᠳᠠ ᠪᠠᠨ ᠪᠤᠯᠭᠠᠵᠦ᠂ ᠵᠤᠬᠢᠬᠤ ᠬᠡᠮᠵᠢᠶ᠎ᠡ ᠪᠠᠷ ᠪᠡᠯᠡ ᠤᠷᠤᠭᠤᠯᠬᠤ ᠶᠢ ᠪᠠᠳᠤᠯᠠᠵᠤ᠂ ᠭᠠᠳᠠᠷ | ᠳᠦᠷᠢ ᠳᠦᠷᠬᠦ ᠶᠢ ᠨᠢ ᠭᠤᠶᠤᠵᠢᠭᠤᠯᠤᠨ᠎ᠠ᠃ ︽ᠤᠶᠤᠨᠯᠢᠭ ᠬᠤᠳᠠ︾ ᠶᠢᠨ ᠪᠠᠶᠢᠭᠤᠯᠤᠯᠳᠠ ᠶᠢ ᠠᠬᠢᠭᠤᠯᠵᠤ᠂ | ᠤᠳᠤᠬᠢᠴᠢᠯᠠᠭᠰᠠᠨ ᠰᠤᠷᠠᠭ ᠵᠠᠩᠬᠢ ᠶᠢᠨ ᠬᠤᠳᠠ ᠶᠢ ᠡᠬᠦᠳᠦᠨ ᠪᠠᠶᠢᠭᠤᠯᠤᠨ᠎ᠠ᠃ ᠤᠯᠤᠰ ᠠᠴᠠ ᠲᠣᠷᠠᠳᠣᠭᠰᠠᠨ | ᠬᠦᠮᠦᠷᠬᠡ ᠶᠢᠨ ᠦᠯᠡᠳᠡᠭᠳᠡᠯ ᠢ ᠪᠠᠭᠠᠰᠬᠠᠬᠤ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠳᠬᠤᠵᠤ᠂ ᠬᠡᠷ | ᠬᠦᠷᠦᠩᠬᠡ ᠶᠢᠨ ᠦᠢᠯᠡᠰ ᠤᠨ ᠬᠠᠳᠠᠭᠠᠯᠠᠭᠳᠠᠵᠦ ᠪᠠᠶᠢᠭ᠎ᠠ ᠰᠤᠯᠠ ᠬᠡᠷ ᠢ ᠳᠤᠭᠳᠠᠭᠤᠨ ᠢᠶᠠᠷ ᠰᠢᠢᠳᠪᠤᠷᠢᠯᠡᠨ᠂ | ᠪᠠᠯᠭᠠᠷᠭᠤᠤᠯ ᠪᠠᠯᠭᠠᠰᠤ ᠪᠤᠯᠤᠨ ᠪᠠᠶᠠᠩᠬᠤᠸᠠ ᠪᠠᠯᠭᠠᠰᠤᠨ ᠤ ᠪᠠᠶᠢᠰᠢᠩ ᠬᠡᠷ ᠲᠤ ᠰᠠᠭᠤᠭ᠎ᠠ ᠠᠷᠠᠳ ᠢ ᠠᠰᠠᠷ ᠲᠤ | ᠰᠠᠭᠤᠯᠭᠠᠬᠤ ᠲᠦᠷᠦ ᠶᠢᠨ ᠪᠤᠳᠤᠯᠭ᠎ᠠ ᠶᠢ ᠲᠤᠭᠳᠠᠭᠠᠵᠤ᠂ ᠠᠷᠠᠳ ᠤᠨ ᠤᠷᠤᠨ ᠰᠠᠭᠤᠴᠠ ᠶᠢᠨ ᠨᠦᠬᠦᠴᠡᠯ ᠢ | ᠰᠠᠶᠢᠵᠢᠷᠠᠭᠤᠯᠤᠨ᠎ᠠ᠃ ᠡᠯ᠎ᠡ ᠳᠦᠷᠦᠯ ᠤᠨ ᠠᠶᠤᠯᠳᠠᠢ ᠬᠡᠷ ᠪᠠᠶᠢᠰᠢᠩ ᠢ ᠵᠠᠰᠠᠨ ᠰᠢᠨᠡᠴᠢᠯᠡᠬᠦ ᠪᠠᠨ ᠴᠢᠩᠭᠠᠳᠬᠠᠵᠦ᠂ | ᠠᠵᠤ ᠠᠬᠤᠢ ᠶᠢᠨ ᠳᠤᠬᠢᠯᠢᠭ ᠤᠷᠤᠨ ᠰᠠᠭᠤᠴᠠ ᠶᠢᠨ ᠬᠦᠭᠵᠢᠯᠳᠡ ᠶᠢ ᠳᠦᠷᠢᠮᠵᠢᠬᠦᠯᠦᠨ᠎ᠡ᠃ ᠤᠤᠯ ᠤᠨ | ᠴᠤᠮᠬᠠᠳᠬᠠᠨ ᠨᠡᠶᠢᠯᠡᠬᠦᠯᠦᠭᠰᠡᠨ ᠰᠤᠮᠤᠨ ᠤ ᠰᠠᠭᠤᠭᠠᠯᠢ ᠳᠤᠭᠤᠷᠢᠭ ᠤᠨ ︽ᠠᠮᠤᠭᠤᠯᠠᠩ ᠤᠷᠤᠨ ᠰᠠᠭᠤᠴᠠ ᠶᠢᠨ | ᠢᠨᠵᠧᠨᠧᠷᠢᠩ︾᠂ ᠬᠤᠳᠠ ᠪᠠᠯᠭᠠᠰᠤᠨ ᠤ ᠠᠶᠤᠯᠳᠠᠢ ᠬᠡᠷ ᠪᠠᠶᠢᠰᠢᠩ ᠢ ᠰᠤᠯᠢᠨ ᠳᠤᠬᠢᠷᠠᠭᠤᠯᠬᠤ ᠵᠡᠷᠬᠡ ᠠᠵᠢᠯ ᠲᠠᠢ | ᠤᠶᠠᠯᠳᠤᠭᠤᠯᠤᠨ᠂ 500 ᠡᠷᠦᠬᠡ ᠳᠤ ᠬᠤᠳᠠ ᠶᠢᠨ ᠠᠶᠤᠯᠳᠠᠢ ᠬᠡᠷ ᠪᠠᠶᠢᠰᠢᠩ ᠢ ᠦᠬᠡᠷᠡᠴᠢᠯᠡᠨ ᠰᠠᠶᠢᠵᠢᠷᠠᠭᠤᠯᠬᠤ | ᠳᠦᠷᠦᠯ ᠵᠦᠢᠯ ᠢ ᠬᠡᠷᠡᠭᠵᠢᠬᠦᠯᠦᠨ᠎ᠡ᠃ ᠬᠤᠳᠠ ᠪᠠᠯᠭᠠᠰᠤᠨ ᠤ ᠤᠰᠤ᠂ ᠴᠠᠬᠢᠯᠭᠠᠨ᠂ ᠵᠠᠮ᠂ ᠳᠤᠯᠠᠭᠠᠯᠭ᠎ᠠ᠂ | ᠰᠢᠳᠠᠮᠠᠬᠠᠢ ᠬᠡᠢ᠂ ᠴᠢᠮᠡᠭᠡ ᠬᠤᠯᠪᠤᠭ᠎ᠠ ᠵᠡᠷᠬᠡ ᠰᠠᠭᠤᠷᠢ ᠳᠦᠬᠦᠬᠡᠷᠦᠮᠵᠢ ᠶᠢ ᠳᠡᠬᠦᠯᠳᠡᠷᠵᠢᠬᠦᠯᠦᠨ᠂ ᠬᠤᠳᠠ ᠪᠠᠯᠭᠠᠰᠤᠨ | ᠤ ᠵᠠᠮ ᠱᠤᠭᠤᠮ ᠵᠢᠴᠢ ᠳᠡᠷᠬᠡᠨ ᠵᠤᠭᠰᠤᠭᠠᠯ ᠤᠨ ᠳᠠᠯᠠᠪᠠᠢ ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ | ᠬᠢᠵᠦ᠂ ᠪᠠᠯᠭᠠᠷᠭᠤᠤᠯ ᠪᠠᠯᠭᠠᠰᠤᠨ ᠤ ᠳᠦᠬᠡᠬᠡᠯ ᠤᠰᠤᠨ ᠤ ᠦᠢᠯᠡᠳᠪᠦᠷᠢ ᠢ ᠦᠷᠬᠡᠳᠬᠡᠨ ᠪᠠᠶᠢᠭᠤᠯᠬᠤ ᠵᠢᠴᠢ ᠢᠵᠢ | ᠪᠦᠷᠢᠳᠦᠭᠰᠡᠨ ᠬᠤᠭᠤᠯᠠᠢ ᠶᠢᠨ ᠢᠨᠵᠧᠨᠧᠷᠢᠩ ᠢ ᠪᠡᠶᠡᠯᠡᠬᠦᠯᠬᠦ ᠶᠢᠨ ᠬᠠᠮᠳᠤ ᠪᠤᠬᠢᠷ ᠤᠰᠤ᠂ ᠬᠤᠭ ᠨᠣᠪᠰᠢ ᠶᠢ | ᠬᠤᠷᠢᠶᠠᠨ ᠰᠢᠢᠳᠪᠤᠷᠢᠯᠡᠬᠦ ᠨᠤᠷᠮ᠎ᠠ ᠶᠢ ᠳᠡᠬᠡᠭᠰᠢᠯᠡᠬᠦᠯᠵᠦ᠂ ᠬᠤᠳᠠ ᠶᠢᠨ ᠳᠦᠬᠦᠬᠡᠷᠦᠮᠵᠢ ᠶᠢ ᠬᠠᠮᠢᠶᠠᠷᠴᠦ | ᠬᠠᠮᠠᠭᠠᠯᠠᠬᠤ ᠪᠠᠨ ᠴᠢᠩᠭᠠᠳᠬᠨ᠎ᠠ᠃ ᠤᠷᠴᠢᠨ ᠳᠤᠭᠤᠷᠢᠨ ᠢ ᠵᠠᠰᠠᠨ ᠴᠡᠭᠴᠡᠯᠡᠬᠦ ᠠᠵᠢᠯ ᠢᠶᠠᠨ ᠴᠢᠩᠭᠠᠳᠬᠠᠵᠦ᠂ | ᠬᠠᠳᠠᠭᠤᠷᠠᠭᠤᠯᠬᠤ᠂ ᠬᠡᠷᠡᠯᠳᠦᠬᠦᠯᠬᠦ᠂ ᠨᠤᠭᠤᠭᠠᠷᠠᠭᠤᠯᠬᠤ ᠪᠠ ᠰᠠᠭᠤᠭᠠᠯᠢ ᠠᠷᠠᠳ ᠤᠨ ᠳᠤᠭᠤᠷᠢᠭ ᠤᠨ ᠠᠭᠤᠳᠠᠮ | ᠳᠠᠯᠠᠪᠠᠢ᠂ ᠨᠡᠶᠢᠳᠡ ᠶᠢᠨ ᠵᠤᠷᠯᠤᠩ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠬᠢᠵᠦ᠂ ᠠᠷᠠᠳ ᠳᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ᠃ ᠣᠯᠣᠰ ᠠᠴᠠ ᠲᠣᠭᠳᠠᠭᠠᠭᠰᠠᠨ ᠬᠤᠳᠠ ᠶᠢᠨ | ᠬᠠᠮᠢᠶᠠᠷᠣᠯᠳᠠ ᠶᠢᠨ ᠬᠡᠷᠡᠭᠵᠢᠬᠦᠯᠬᠦ ᠨᠠᠷᠢᠨ ᠲᠦᠷᠢᠮ ᠢ ᠲᠣᠣᠱᠯᠠᠭᠤᠯᠦᠨ᠂ ᠬᠢᠨᠠᠨ ᠰᠢᠯᠭᠠᠬᠤ ᠲᠦᠷᠢᠮ ᠢ | ᠳᠡᠬᠦᠯᠳᠡᠷᠵᠢᠬᠦᠯᠵᠣ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠪᠡᠷᠰᠡᠳ ᠢᠶᠠᠨ ᠬᠠᠮᠢᠶᠠᠷᠬᠤ ᠦᠵᠡᠯᠳᠡ ᠶᠢ | ᠴᠢᠩᠭᠠᠳᠬᠠᠵᠦ᠂ ᠬᠤᠳᠠ ᠪᠠᠯᠭᠠᠰᠤᠨ ᠤ ᠬᠠᠮᠢᠶᠠᠷᠤᠯᠳᠠ ᠶᠢ ᠨᠠᠷᠢᠯᠢᠭᠵᠢᠭᠤᠯᠤᠨ᠎ᠠ᠃ | ᠬᠤᠶᠠᠷ᠂ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠᠨ ᠳᠦᠷᠬᠡᠳᠬᠡᠨ᠎ᠡ᠃ ᠴᠢᠬᠤᠯᠠ ᠶᠡᠭᠡ | ᠰᠠᠭᠤᠷᠢ ᠲᠦᠬᠦᠬᠡᠷᠦᠮᠵᠢ ᠶᠢ ᠬᠠᠷᠢᠯᠴᠠᠨ ᠬᠤᠯᠪᠤᠨ ᠨᠡᠪᠳᠡᠷᠡᠬᠦᠯᠬᠦ ᠪᠠᠷ ᠭᠤᠤᠯᠳᠠᠯᠭ᠎ᠠ ᠪᠤᠯᠭᠠᠵᠤ᠂ ᠬᠦᠭᠵᠢᠯᠳᠡ ᠶᠢᠨ | ᠪᠦᠬᠦ ᠲᠠᠯ᠎ᠠ ᠲᠠᠢ ᠬᠤᠯᠪᠤᠭᠳᠠᠭᠰᠠᠨ ᠰᠠᠭᠤᠷᠢ ᠲᠦᠬᠦᠬᠡᠷᠦᠮᠵᠢ ᠶᠢ ᠪᠦᠳᠦᠬᠡᠨ ᠪᠠᠶᠢᠭᠤᠯᠬᠤ ᠢᠨᠵᠧᠨᠧᠷᠢᠩ ᠢ | ᠲᠦᠪᠯᠡᠷᠡᠬᠦᠯᠦᠨ ᠬᠡᠷᠡᠭᠵᠢᠬᠦᠯᠵᠦ᠂ ᠬᠦᠭᠵᠢᠯᠳᠡ ᠲᠠᠢ ᠲᠤᠬᠢᠷᠠᠯᠴᠠᠭᠰᠠᠨ ᠰᠠᠭᠤᠷᠢ ᠲᠦᠬᠦᠬᠡᠷᠦᠮᠵᠢ ᠶᠢ ᠪᠠᠳᠤᠯᠠᠬᠤ | ᠰᠢᠰᠲ᠋ᠧᠮ ᠢ ᠲᠦᠷᠬᠡᠳᠬᠡᠨ ᠪᠠᠶᠢᠭᠤᠯᠤᠨ᠎ᠠ᠃ ᠵᠠᠰᠠᠮᠠᠯ ᠵᠠᠮ ᠤᠨ ᠪᠠᠶᠢᠭᠤᠯᠤᠯᠳᠠ ᠶᠢᠨ ᠲᠠᠯ᠎ᠠ ᠪᠠᠷ 2016 ᠤᠨ | ᠳᠤ 3.6 ᠳ᠋ᠦᠩᠰᠢᠭᠤᠷ ᠳᠦᠬᠦᠷᠢᠭ ᠪᠡᠯᠡ ᠤᠷᠤᠭᠤᠯᠬᠤ ᠪᠠᠷ ᠳᠦᠯᠦᠪᠯᠡᠨ᠂ ᠪᠦᠬᠦ ᠤᠷᠳᠤ ᠨᠢ 520.7 | ᠺᠢᠯᠤᠮᠧᠲᠷ ᠪᠦᠬᠦᠢ 38 ᠵᠤᠷᠪᠤᠰ ᠭᠠᠴᠠᠭᠠᠨ ᠤ ᠱᠦᠢᠨᠢ ᠵᠠᠮ ᠢ ᠦᠬᠡᠷᠡᠴᠢᠯᠡᠨ ᠵᠠᠰᠠᠵᠦ᠂ 48 ᠭᠠᠴᠠᠭᠠᠨ ᠤ | ᠵᠠᠰᠠᠮᠠᠯ ᠵᠠᠮ ᠢ ᠨᠡᠪᠳᠡᠷᠡᠬᠦᠯᠦᠨ᠂ ᠮᠠᠯᠵᠢᠬᠤ ᠤᠷᠤᠨ ᠤ ᠵᠠᠰᠠᠮᠠᠯ ᠵᠠᠮ ᠢ ᠤᠯᠠᠮ ᠨᠢᠬᠡ ᠠᠯᠬᠤᠮ ᠳᠡᠰᠵᠢᠬᠦᠯᠦᠨ᠎ᠡ᠃ | 200 ᠺᠢᠯᠤᠮᠧᠲᠷ ᠪᠦᠬᠦᠢ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠵᠦ᠂ ᠮᠠᠯᠴᠢᠳ ᠤᠨ ᠤᠷᠤᠵᠦ ᠭᠠᠷᠬᠤ ᠳᠤ | ᠬᠦᠴᠢᠷᠳᠡᠯᠳᠡᠢ ᠠᠰᠠᠭᠤᠳᠠᠯ ᠢ ᠰᠢᠢᠳᠪᠤᠷᠢᠯᠡᠨ᠎ᠡ᠃ ᠪᠦᠬᠦ ᠤᠷᠳᠤ ᠨᠢ 61 ᠺᠢᠯᠤᠮᠧᠲᠷ ᠪᠦᠬᠦᠢ ᠤᠯᠤᠰ ᠤᠨ ᠳᠡᠰ | ᠤᠨ 306 ᠱᠣᠭᠤᠮ ᠤᠨ ᠳᠠᠰᠢᠭᠤᠷ ᠤᠨ ᠪᠤᠯᠠᠭ ᠠᠴᠠ ᠪᠠᠯᠠᠭᠠᠷᠭᠤᠤᠯ ᠬᠦᠷᠬᠦ ᠬᠡᠰᠡᠭ ᠤᠨ ᠵᠠᠰᠠᠮᠠᠯ ᠵᠠᠮ ᠢ ᠰᠢᠨ᠎ᠡ | ᠪᠠᠷ ᠪᠠᠶᠢᠭᠤᠯᠤᠨ᠎ᠠ᠃ ᠪᠦᠬᠦ ᠤᠷᠳᠤ ᠨᠢ 94.8 ᠺᠢᠯᠤᠮᠧᠲᠷ ᠪᠦᠬᠦᠢ ᠮᠤᠵᠢ ᠶᠢᠨ ᠳᠡᠰ ᠤᠨ 221 ᠱᠤᠭᠤᠮ ᠤᠨ | ᠵᠡᠬᠦᠨ ᠦᠵᠦᠮᠦᠴᠢᠨ ᠬᠤᠰᠢᠭᠤᠨ ᠤ ᠡᠵᠢᠨᠠᠭᠤᠷ ᠠᠴᠠ ᠡᠤ ᠵᠢᠶᠠᠨ ᠹᠠᠩ ᠬᠦᠷᠬᠦ ᠬᠡᠰᠡᠭ ᠤᠨ ᠵᠠᠰᠠᠮᠠᠯ ᠵᠠᠮ ᠢ | ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ ᠳᠡᠮᠦᠷ ᠵᠠᠮ ᠤᠨ ᠪᠠᠶᠢᠭᠤᠯᠤᠯᠳᠠ ᠶᠢᠨ ᠲᠠᠯ᠎ᠠ ᠪᠠᠷ ᠵᠢᠨᠵᠸᠤ ᠭᠠᠷᠠᠮ | ᠠᠴᠠ ᠪᠠᠶᠠᠩᠬᠤᠸᠠ ᠬᠦᠷᠬᠦ ᠲᠡᠮᠣᠷ ᠵᠠᠮ ᠢ ᠦᠷᠬᠡᠳᠬᠡᠨ ᠪᠠᠶᠢᠭᠤᠯᠬᠤ ᠲᠦᠷᠦᠯ ᠵᠦᠢᠯ ᠪᠠ ᠢᠳᠠᠭᠤᠳᠤ ᠠᠴᠠ | ᠪᠠᠶᠠᠩᠬᠤᠸᠠ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠦᠬᠡᠷᠡᠴᠢᠯᠡᠬᠦ ᠳᠦᠷᠦᠯ ᠵᠦᠢᠯ ᠢ ᠵᠢᠯ ᠤᠨ ᠳᠤᠳᠤᠷ᠎ᠠ | ᠠᠵᠢᠯ ᠡᠬᠢᠯᠡᠬᠦᠯᠬᠦ ᠪᠠᠷ ᠴᠢᠷᠮᠠᠶᠢᠨ᠎ᠠ︔ ᠪᠠᠶ᠋ᠬᠠᠭᠤᠯᠠ ᠠᠴᠠ ᠹᠦᠰᠢᠨ ᠤ ᠰᠢᠨᠴᠢᠣ ᠬᠦᠷᠬᠦ ᠲᠡᠮᠦᠷ ᠵᠠᠮ᠂ ᠪᠠᠶᠠᠩᠬᠤᠸᠠ | ᠠᠴᠠ ᠯᠢᠨᠳᠦ᠋ᠩ ᠬᠦᠷᠬᠦ ᠳᠡᠮᠦᠷ ᠵᠠᠮ ᠤᠨ ᠪᠠᠶᠢᠭᠤᠯᠤᠯᠳᠠ ᠶᠢᠨ ᠠᠵᠢᠯ ᠢ ᠡᠷᠳᠡᠬᠡᠨ ᠰᠡᠷᠬᠦᠬᠡᠨ᠎ᠡ︔ ᠬᠤᠸᠠ ᠷᠦᠨ | ᠪᠦᠯᠦᠭᠯᠡᠯ ᠤᠨ ᠡᠤ ᠵᠢᠶᠠᠨ ᠹᠠᠩ ᠳᠠᠬᠢ ᠴᠠᠬᠢᠯᠭᠠᠨ ᠦᠢᠯᠡᠳᠪᠤᠷᠢ ᠶᠢᠨ ᠳᠡᠮᠦᠷ ᠵᠠᠮ ᠤᠨ ᠳᠤᠰᠬᠠᠢ ᠱᠤᠭᠤᠮ᠂ ᠵᠢᠷ | ᠤᠨ ᠭᠤᠤᠯ ᠤᠨ ᠬᠤᠶᠠᠳᠤᠭᠠᠷ ᠵᠠᠳᠠᠭᠠᠢ ᠨᠡᠬᠦᠷᠡᠰᠦᠨ ᠠᠭᠤᠷᠬᠠᠢ ᠶᠢᠨ ᠳᠡᠮᠦᠷ ᠵᠠᠮ ᠤᠨ ᠳᠤᠰᠬᠠᠢ ᠱᠤᠭᠤᠮ᠂ | ᠤᠯᠠᠭᠠᠨᠬᠠᠳᠠ ᠠᠴᠠ ᠳ᠋ᠠᠪᠠᠨ᠂ ᠳ᠋ᠠᠪᠠᠨ ᠠᠴᠠ ᠪᠠᠶᠠᠩᠬᠤᠸᠠ ᠬᠦᠷᠬᠦ ᠳᠡᠮᠦᠷ ᠵᠠᠮ ᠤᠨ ᠪᠠᠶᠠᠩᠬᠤᠸᠠ ᠦᠷᠳᠡᠬᠡᠨ ᠳᠠᠬᠢ | ᠪᠠᠷᠠᠭ᠎ᠠ ᠬᠠᠳᠠᠭᠠᠯᠠᠬᠤ ᠳᠠᠯᠠᠪᠠᠢ ᠶᠢᠨ ᠳᠤᠰᠬᠠᠢ ᠱᠤᠭᠤᠮ᠂ ᠪᠠᠶ᠋ᠬᠠᠭᠤᠯᠠ ᠠᠴᠠ ᠵᠡᠬᠦᠨ ᠬᠠᠳᠠᠪᠴᠢ ᠬᠦᠷᠬᠦ ᠳᠡᠮᠦᠷ ᠵᠠᠮ | ᠤᠨ ᠳᠦᠷᠪᠡᠳᠦᠬᠡᠷ ᠬᠤᠭᠤᠴᠠᠭ᠎ᠠ ︵ᠪᠠᠶ᠋ᠬᠠᠭᠤᠯᠠ ᠠᠴᠠ ᠵᠠᠪᠴᠢᠷ ᠬᠦᠷᠬᠦ ᠬᠡᠰᠡᠭ︶᠂ ᠪᠠᠶᠠᠩᠬᠤᠸᠠ ᠳᠠᠬᠢ | ᠨᠠᠷᠢᠯᠢᠭᠵᠢᠭᠤᠯᠤᠭᠰᠨ ᠬᠦᠩᠬᠡᠨ ᠴᠠᠭᠠᠨ ᠬᠠᠪᠳᠠᠰᠤ ᠶᠢᠨ ᠳᠡᠮᠦᠷ ᠵᠠᠮ ᠤᠨ ᠳᠤᠰᠬᠠᠢ ᠱᠤᠭᠤᠮ᠂ ᠬᠤᠤᠯᠢᠨᠭᠤᠤᠯ | ᠠᠴᠠ ᠪᠠᠶᠠᠩᠬᠤᠸᠠ ᠬᠦᠷᠬᠦ ᠳᠡᠮᠦᠷ ᠵᠠᠮ᠂ ᠢᠳᠠᠭᠤᠳᠤ ᠠᠴᠠ ᠭᠠᠩᠭᠠᠳᠤ ᠶᠢᠨ ᠠᠭᠤᠯᠠ ᠬᠦᠷᠬᠦ ᠬᠡᠰᠡᠭ ᠲᠤ ᠭᠠᠯᠳᠤ | ᠳᠡᠷᠬᠡᠨ ᠦᠷᠳᠡᠭᠡ ᠪᠠᠶᠢᠭᠤᠯᠬᠤ ᠠᠵᠢᠯ ᠪᠠ ᠨᠢᠬᠡᠳᠦᠬᠡᠷ ᠨᠡᠬᠦᠷᠡᠰᠦᠨ ᠠᠭᠤᠷᠬᠠᠢ ᠠᠴᠠ ᠪᠠᠶᠠᠩᠬᠤᠸᠠ ᠵᠡᠬᠦᠨ ᠦᠷᠳᠡᠭᠡ | ᠬᠦᠷᠬᠦ ᠳᠡᠮᠦᠷ ᠵᠠᠮ ᠤᠨ ᠳᠤᠰᠬᠠᠢ ᠱᠤᠭᠤᠮ᠂ ᠪᠠᠶᠠᠩᠬᠤᠸᠠ ᠳᠦᠷᠪᠡᠳᠦᠬᠡᠷ ᠨᠡᠬᠦᠷᠡᠰᠦᠨ ᠠᠭᠤᠷᠬᠠᠢ ᠵᠡᠷᠬᠡ ᠨᠠᠢᠮᠠᠨ | ᠳᠦᠷᠦᠯ ᠵᠦᠢᠯ ᠤᠨ ᠤᠷᠢᠳᠤᠬᠢ ᠬᠤᠭᠤᠴᠠᠭᠠᠨ ᠤ ᠠᠵᠢᠯ ᠢ ᠳᠦᠯᠬᠢᠨ ᠠᠬᠢᠭᠤᠯᠵᠦ᠂ ᠡᠷᠳᠡᠬᠡᠨ ᠬᠠᠮᠢᠶ᠎ᠠ ᠪᠦᠬᠦᠢ | ᠭᠠᠷ ᠬᠦᠢᠴᠡᠳᠬᠡᠯ ᠢ ᠬᠦᠢᠴᠡᠳᠬᠡᠨ᠂ ᠠᠵᠢᠯ ᠡᠬᠢᠯᠡᠬᠦᠯᠬᠦ ᠪᠠᠷ ᠴᠢᠷᠮᠠᠶᠢᠨ᠎ᠠ᠃ ᠨᠢᠰᠬᠡᠯ ᠤᠨ ᠪᠠᠭᠤᠳᠠᠯ ᠤᠨ ᠪᠦᠳᠦᠬᠡᠨ | ᠪᠠᠶᠢᠭᠤᠯᠤᠯᠳᠠ ᠶᠢᠨ ᠲᠠᠯ᠎ᠠ ᠪᠠᠷ ᠪᠠᠶ᠋ᠬᠠᠭᠤᠯᠠ ᠨᠢᠰᠬᠡᠯ ᠤᠨ ᠪᠠᠭᠤᠳᠠᠯ ᠤᠨ ᠪᠦᠳᠦᠬᠡᠨ ᠪᠠᠶᠢᠭᠤᠯᠤᠯᠳᠠ ᠶᠢᠨ ᠳᠦᠷᠦᠯ | ᠵᠦᠢᠯ ᠤᠨ ᠤᠷᠢᠳᠤᠬᠢ ᠬᠤᠭᠤᠴᠠᠭᠠᠨ ᠤ ᠠᠵᠢᠯ ᠢ ᠤᠯᠠᠮ ᠨᠢᠬᠡ ᠠᠯᠬᠤᠮ ᠳᠦᠯᠬᠢᠨ ᠠᠬᠢᠭᠤᠯᠵᠦ᠂ ᠵᠢᠯ ᠤᠨ | ᠳᠤᠳᠤᠷ᠎ᠠ ᠭᠠᠵᠠᠷ ᠰᠤᠩᠭᠤᠬᠤ ᠮᠡᠳᠡᠬᠦᠯᠦᠯᠳᠡ᠂ ᠨᠢᠰᠦᠯᠳᠡ ᠶᠢᠨ ᠡᠮᠬᠢ ᠳᠠᠷᠠᠭᠠᠯᠠᠯ ᠤᠨ ᠮᠡᠳᠡᠬᠦᠯᠦᠯᠳᠡ ᠶᠢ ᠬᠢᠨᠠᠨ | ᠦᠨᠡᠯᠡᠬᠦᠯᠬᠦ ᠠᠵᠢᠯ ᠢ ᠪᠡᠶᠡᠯᠡᠬᠦᠯᠬᠦ ᠪᠠᠷ ᠴᠢᠷᠮᠠᠶᠢᠨ᠎ᠠ᠃ ᠤᠰᠤᠨ ᠠᠰᠢᠭᠯᠠᠯᠳᠠ ᠶᠢᠨ ᠲᠠᠯ᠎ᠠ ᠪᠠᠷ ᠭᠤᠷᠤᠬᠠᠨ ᠭᠤᠤᠯ ᠢ | ᠵᠠᠰᠠᠬᠤ ᠢᠨᠵᠧᠨᠧᠷᠢᠩ ᠢ ᠦᠷᠬᠦᠯᠵᠢᠯᠡᠨ ᠰᠠᠶᠢᠳᠣᠷ ᠠᠳᠬᠤᠵᠣ᠂ ᠭᠤᠷᠤᠬᠠᠨ ᠤᠰᠤᠨ ᠴᠦᠬᠦᠷᠦᠮ ᠤᠨ ᠤᠰᠤ | ᠬᠠᠩᠭᠠᠬᠤ ᠢᠨᠵᠧᠨᠧᠷᠢᠩ ᠢ ᠠᠵᠢᠯ ᠲᠠᠭᠤᠰᠬᠠᠨ᠎ᠠ᠃ ᠴᠠᠬᠢᠯᠭᠠᠨ ᠬᠦᠴᠦᠨ ᠤ ᠲᠠᠯ᠎ᠠ ᠪᠠᠷ ᠪᠤᠯᠠᠭ 500 ᠺᠢᠯᠣᠸᠣᠯᠲ | ᠶᠢᠨ ᠬᠦᠴᠦᠳᠡᠯ ᠦᠬᠡᠷᠡᠴᠢᠯᠡᠬᠦ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ ᠳᠦᠯᠬᠢᠨ | ᠠᠬᠢᠭᠤᠯᠵᠦ᠂ ᠪᠤᠯᠠᠭ ᠠᠴᠠ ᠤᠯᠢᠶᠠᠰᠤᠳᠠᠢ ᠬᠦᠷᠬᠦ 220 ᠺᠢᠯᠣᠸᠣᠯᠲ ᠶᠢᠨ ᠬᠦᠴᠦᠳᠡᠯ ᠦᠬᠡᠷᠡᠴᠢᠯᠡᠬᠦ | ᠢᠨᠵᠧᠨᠧᠷᠢᠩ ᠪᠠ ᠵᠢᠷ ᠤᠨ ᠭᠤᠤᠯ 110 ᠺᠢᠯᠣᠸᠣᠯᠲ ᠶᠢᠨ ᠬᠦᠴᠦᠳᠡᠯ ᠦᠬᠡᠷᠡᠴᠢᠯᠡᠬᠦ ᠦᠷᠳᠡᠭᠡ ᠶᠢᠨ 2 ᠳ᠋ᠤᠭᠠᠷ | ᠭᠤᠤᠯ ᠬᠤᠪᠢᠷᠠᠭᠤᠯᠤᠨ ᠦᠷᠬᠡᠳᠬᠡᠬᠦ ᠢᠨᠵᠧᠨᠧᠷᠢᠩ ᠢ ᠢᠳᠡᠪᠬᠢᠳᠡᠢ ᠡᠬᠢᠯᠡᠬᠦᠯᠵᠦ᠂ 10 ᠺᠢᠯᠣᠸᠣᠯᠲ ᠠᠴᠠ | ᠲᠣᠷᠣᠭᠰᠢᠬᠢ ᠴᠠᠬᠢᠯᠭᠠᠨ ᠵᠠᠮ ᠱᠣᠭᠤᠮ ᠤᠨ ᠢᠨᠵᠧᠨᠧᠷᠢᠩ ᠤᠨ ᠪᠦᠳᠣᠬᠡᠨ ᠪᠠᠶᠢᠭᠤᠯᠣᠯᠳᠠ ᠶᠢ ᠦᠷᠬᠦᠯᠵᠢᠯᠡᠨ | ᠰᠠᠶᠢᠳᠤᠷ ᠠᠳᠬᠤᠵᠦ᠂ ᠴᠠᠬᠢᠯᠭᠠᠨ ᠬᠦᠴᠦᠨ ᠢ ᠲᠠᠰᠤᠷᠠᠯᠳᠠ ᠦᠬᠡᠢ ᠮᠠᠯᠵᠢᠬᠤ ᠤᠷᠤᠨ ᠵᠦᠭ ᠦᠷᠬᠡᠳᠬᠡᠨ᠎ᠡ ᠃ | ︵ᠳᠦᠷᠪᠡ︶ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠰᠠᠶᠢᠳᠤᠷ ᠠᠳᠬᠤᠵᠦ᠂ ᠬᠤᠳᠠ ᠬᠦᠳᠡᠭᠡ | ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ᠃ ᠳᠦᠯᠦᠪᠵᠢᠬᠦᠯᠬᠡ ᠶᠢ ᠨᠠᠶᠢᠷᠠᠭᠤᠯᠬᠤ᠂ ᠢᠨᠵᠧᠨᠧᠷᠢᠩ ᠤᠨ | ᠳᠠᠭᠠᠭᠠᠯᠳᠠ ᠵᠠᠷᠯᠠᠬᠤ᠂ ᠭᠡᠷ᠎ᠡ ᠳᠤᠭᠳᠠᠬᠤ᠂ ᠪᠠᠷᠢᠯᠭ᠎ᠠ ᠶᠢᠨ ᠮᠠᠲ᠋ᠧᠷᠢᠶᠠᠯ ᠪᠡᠯᠡᠳᠬᠦ ᠵᠡᠷᠬᠡ ᠠᠵᠢᠯ ᠢ ᠰᠠᠶᠢᠳᠤᠷ | ᠠᠳᠬᠤᠵᠦ᠂ ᠬᠠᠪᠤᠷ ᠳᠤᠯᠠᠭᠠᠷᠠᠭᠰᠠᠨ ᠤ ᠳᠠᠷᠠᠭ᠎ᠠ ᠪᠦᠬᠦ ᠲᠠᠯ᠎ᠠ ᠪᠠᠷ ᠠᠵᠢᠯ ᠡᠬᠢᠯᠡᠬᠦ ᠶᠢ ᠪᠠᠳᠤᠯᠠᠨ᠂ ᠦᠨᠳᠦᠷ | ᠪᠠᠷᠢᠮᠵᠢᠶ᠎ᠠ᠂ ᠦᠨᠳᠦᠷ ᠴᠢᠨᠠᠷ ᠴᠢᠨᠰᠠᠭ᠎ᠠ ᠲᠠᠢ ᠪᠠᠷ ᠡᠬᠦᠷᠬᠡ ᠪᠠᠨ ᠪᠡᠶᠡᠯᠡᠬᠦᠯᠦᠨ᠎ᠡ᠃ ᠠᠶᠢᠮᠠᠭ ᠤᠨ ᠵᠠᠬᠢᠷᠭ᠎ᠠ ᠶᠢᠨ | ᠳᠤᠷᠠᠳᠤᠭᠰᠠᠨ ᠮᠠᠯᠴᠢᠨ ᠡᠷᠦᠬᠡ ᠦᠪᠡᠷᠳᠡᠬᠡᠨ 30 % ᠶᠢᠨ ᠪᠡᠯᠡ ᠮᠦᠩᠬᠦ ᠶᠢ ᠭᠠᠷᠭᠠᠬᠤ ᠱᠠᠭᠠᠷᠳᠠᠯᠭ᠎ᠠ | ᠶᠤᠰᠤᠭᠠᠷ᠂ ᠪᠡᠯᠡ ᠮᠦᠩᠬᠦ ᠴᠤᠭᠯᠠᠭᠤᠯᠬᠤ ᠪᠠ ᠳᠦᠷᠦᠯ ᠵᠦᠢᠯ ᠢ ᠨᠢᠬᠡᠳᠬᠡᠬᠦ ᠡᠷᠴᠢᠮ ᠢᠶᠠᠨ ᠴᠢᠩᠭᠠᠳᠬᠠᠵᠦ᠂ ᠪᠡᠯᠡ | ᠮᠦᠩᠬᠦ ᠶᠢ ᠦᠨᠡᠨᠬᠦ ᠰᠠᠶᠢᠳᠤᠷ ᠬᠠᠮᠢᠶᠠᠷᠤᠨ ᠠᠰᠢᠭᠯᠠᠨ᠎ᠠ᠃ 2016 ᠣᠨ ᠳᠤ ︽ᠠᠷᠪᠠ ᠶᠢ ᠪᠦᠷᠬᠦᠬᠦᠯᠬᠦ︾ | ᠢᠨᠵᠧᠨᠧᠷᠢᠩ ᠳᠤ 4.9 ᠳ᠋ᠦᠩᠰᠢᠭᠤᠷ ᠳᠦᠬᠦᠷᠢᠭ ᠵᠠᠷᠣᠴᠠᠭᠤᠯᠬᠤ ᠪᠠᠷ ᠲᠦᠯᠦᠪᠯᠡᠵᠣ᠂ 8345 ᠰᠠᠭᠤᠷᠢ | ᠠᠶᠣᠯᠳᠠᠢ ᠬᠡᠷ ᠪᠠᠶᠢᠰᠢᠩ ᠢ ᠵᠠᠰᠠᠨ ᠰᠠᠶᠢᠵᠢᠷᠠᠭᠤᠯᠣᠨ᠎ᠠ︔ ᠡᠬᠦᠨ ᠳᠤ᠂ ᠮᠠᠯᠵᠢᠬᠤ ᠤᠷᠤᠨ ᠤ ᠠᠶᠤᠯᠳᠠᠢ ᠬᠡᠷ | ᠪᠠᠶᠢᠰᠢᠩ ᠤᠨ ᠳᠦᠷᠦᠯ ᠵᠦᠢᠯ 133᠂ ᠨᠡᠬᠦᠳᠡᠯ ᠠᠷᠠᠳ ᠤᠨ ᠠᠮᠤᠭᠤᠯᠠᠩ ᠤᠷᠤᠨ ᠰᠠᠭᠤᠴᠠ ᠶᠢᠨ ᠳᠦᠷᠦᠯ | ᠵᠦᠢᠯ 555᠂ ᠠᠮᠢ ᠠᠬᠤᠢ ᠶᠢᠨ ᠨᠡᠬᠦᠳᠡᠯ ᠠᠷᠠᠳ ᠤᠨ ᠳᠦᠷᠦᠯ ᠵᠦᠢᠯ 92᠂ ᠰᠢᠨ᠎ᠡ ᠪᠠᠷ ᠪᠠᠶᠢᠭᠤᠯᠬᠤ ᠤᠷᠤᠨ | ᠰᠠᠭᠤᠴᠠ 2126᠂ ᠵᠠᠰᠠᠨ ᠰᠠᠶᠢᠵᠢᠷᠠᠭᠤᠯᠬᠤ ᠤᠷᠤᠨ ᠰᠠᠭᠤᠴᠠ 5439 ᠪᠠᠭᠳᠠᠨ᠎ᠠ᠃ 203 ᠬᠤᠳᠳᠤᠭ | ᠤᠬᠤᠵᠦ᠂ 100 ᠣᠰᠣ ᠬᠠᠳᠠᠭᠠᠯᠠᠬᠤ ᠵᠣᠭᠤᠷᠢ ᠮᠠᠯᠳᠠᠨ᠂ ᠤᠰᠤ ᠠᠷᠢᠭᠤᠳᠬᠠᠬᠤ ᠳᠦᠬᠦᠬᠡᠷᠤᠮᠵᠢ 200 ᠶᠢ | ᠤᠭᠰᠠᠷᠠᠨ᠎ᠠ︔ 30.4 ᠺᠢᠯᠤᠮᠧᠲᠷ ᠪᠦᠬᠦᠢ ᠵᠡᠬᠡᠯᠢ ᠭᠤᠳᠤᠮᠵᠢ ᠶᠢ ᠬᠠᠳᠠᠭᠤᠷᠠᠭᠤᠯᠤᠨ᠂ ᠭᠠᠴᠠᠭ᠎ᠠ ᠪᠣᠯᠭᠠᠨ ᠳᠤ | ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠢᠶᠠᠷ 572 ᠡᠷᠣᠬᠡ ᠳᠤ ᠪᠠᠶᠢᠩᠭᠤ ᠶᠢᠨ ᠴᠠᠬᠢᠯᠭᠠᠨ ᠨᠡᠪᠳᠡᠷᠡᠬᠦᠯᠦᠨ᠂ | 791 ᠢᠵᠢ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠲᠦᠭᠦᠭᠡᠷᠣᠮᠵᠢ ᠶᠢ ᠲᠡᠰᠵᠢᠬᠦᠯᠦᠨᠡ᠃ ᠭᠠᠴᠠᠭ᠎ᠠ | ᠳᠤᠰᠬᠤᠨ ᠳᠤ ᠨᠡᠪᠳᠡᠷᠡᠬᠦ ᠷᠠᠳᠢᠤ᠋ ᠲᠧᠯᠸᠢᠰ ᠴᠢᠮᠡᠭᠡ ᠬᠤᠯᠪᠣᠭᠠᠨ ᠤ ᠢᠨᠵᠧᠨᠧᠷᠢᠩ ᠢᠶᠠᠷ ᠭᠠᠴᠠᠭ᠎ᠠ ᠪᠤᠯᠭᠠᠨ ᠳᠤ | ᠳᠠᠭᠤ ᠳᠤᠮᠤᠷᠠᠭᠤᠯᠤᠭᠴᠢ ᠳᠦᠬᠦᠬᠡᠷᠦᠮᠵᠢ 102 ᠶᠢ ᠤᠭᠰᠠᠷᠠᠵᠦ᠂ 5 ᠷᠠᠳᠢᠤ᠋ ᠲᠧᠯᠸᠢᠰ ᠤᠨ ᠲᠣᠬᠢᠶᠠᠨ ᠦᠷᠳᠡᠭᠡ | ᠪᠠ 37 ᠣᠳᠠᠰᠣ ᠦᠬᠡᠢ ᠰᠦᠯᠵᠢᠶᠡᠨ ᠦᠷᠳᠡᠭᠡ ᠶᠢ ᠪᠠᠶᠢᠭᠤᠯᠵᠦ᠂ ᠮᠠᠯᠵᠢᠬᠤ ᠤᠷᠤᠨ ᠤ 1000 ᠡᠷᠦᠬᠡ ᠳᠤ | ᠤᠳᠠᠰᠤ ᠦᠬᠡᠢ ᠰᠦᠯᠵᠢᠶ᠎ᠡ ᠨᠡᠪᠳᠡᠷᠬᠦᠯᠦᠨᠡ︔ 6500 ᠲᠡᠭᠰᠢ ᠲᠦᠷᠪᠡᠯᠵᠢᠨ ᠮᠧᠲᠷ ᠤᠨ ᠲᠠᠯᠠᠪᠠᠢ ᠪᠦᠬᠦᠢ | ᠬᠡᠣᠬᠡᠳ ᠤᠨ ᠴᠡᠴᠡᠷᠯᠢᠭ 1 ᠶᠢ ᠰᠢᠨ᠎ᠡ ᠪᠠᠷ ᠪᠠᠶᠢᠭᠤᠯᠣᠨ᠎ᠠ︔ 11 ᠰᠠᠭᠤᠷᠢ ᠪᠠᠷᠢᠮᠵᠢᠶᠠᠵᠢᠭᠰᠠᠨ ᠡᠷᠡᠬᠦᠯ | ᠬᠠᠮᠠᠭᠠᠯᠠᠯ ᠤᠨ ᠲᠠᠰᠤᠭ ᠢ ᠰᠢᠨ᠎ᠠ ᠪᠠᠷ ᠪᠠᠶᠢᠭᠤᠯᠤᠨ᠂ 4 ᠭᠠᠴᠠᠭᠠᠨ ᠤ ᠰᠣᠶᠣᠯ ᠤᠨ ᠦᠷᠣᠬᠡ ᠶᠢ ᠰᠢᠨ᠎ᠡ ᠪᠠᠷ | ᠪᠠᠶᠢᠭᠤᠯᠵᠣ᠂ 23 ᠭᠠᠴᠠᠭᠠᠨ ᠤ ᠰᠣᠶᠣᠯ ᠤᠨ ᠦᠷᠣᠬᠡ ᠶᠢ ᠵᠠᠰᠠᠨ ᠰᠡᠯᠪᠢᠨ᠎ᠡ︔ 22 ᠠᠷᠠᠳ ᠲᠤ ᠲᠦᠭᠦᠮ | ᠦᠵᠡᠬᠦᠯᠬᠦ ᠬᠤᠯᠪᠣᠭᠠᠳᠣ ᠲᠡᠯᠭᠡᠬᠦᠷ ᠪᠠᠶᠢᠭᠤᠯᠣᠨ᠎ᠠ᠃ ᠨᠡᠶᠢᠬᠡᠮ ᠤᠨ ᠪᠠᠳᠣᠯᠠᠭ᠎ᠠ ᠶᠢᠨ ᠲᠠᠯ᠎ᠠ ᠳᠤ 4700 ᠨᠡᠷᠡᠰ | ᠬᠤᠳᠠ ᠬᠦᠳᠡᠬᠡᠨ ᠤ ᠰᠠᠭᠤᠭᠠᠯᠢ ᠠᠷᠠᠳ ᠲᠤ ᠨᠠᠰᠣᠵᠢᠯ ᠤᠨ ᠲᠠᠭᠠᠳᠬᠠᠯ ᠤᠨ ᠬᠦᠷᠳᠡᠮᠵᠢ ᠤᠯᠭᠤᠬᠤ ᠪᠠᠷ | ᠳᠦᠯᠦᠪᠯᠡᠵᠦ᠂ 950 ᠨᠡᠷᠡᠰ ᠬᠤᠳᠠ ᠬᠦᠳᠡᠬᠡᠨ ᠤ ᠦᠨᠳᠦᠷ ᠨᠠᠰᠣᠳᠠᠶᠢᠴᠣᠳ ᠲᠤ ᠨᠦᠬᠦᠪᠦᠷᠢ ᠣᠯᠭᠤᠨ᠎ᠠ᠃ | ᠡᠬᠦᠨ ᠤ ᠬᠠᠮᠳᠤ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠢ ᠶᠡᠷᠤᠩᠬᠡᠶᠢᠯᠡᠨ ᠵᠠᠰᠠᠬᠤ ᠪᠠ ᠪᠠᠶᠢᠩᠭᠤ ᠶᠢᠨ | ᠴᠢᠨᠠᠷᠳᠠᠢ ᠬᠠᠮᠢᠶᠠᠷᠴᠦ ᠬᠠᠮᠠᠭᠠᠯᠠᠬᠤ ᠪᠠᠨ ᠦᠨᠡᠨᠬᠦ ᠰᠠᠶᠢᠳᠤᠷ ᠠᠳᠬᠤᠵᠦ᠂ ᠬᠠᠮᠢᠶᠠᠷᠴᠦ ᠬᠠᠮᠠᠭᠠᠯᠠᠬᠤ ᠭᠤᠤᠯ | ᠴᠤᠭᠴᠠ᠂ ᠬᠢᠨᠠᠨ ᠬᠠᠮᠢᠶᠠᠷᠬᠤ ᠭᠤᠤᠯ ᠴᠤᠭᠴᠠ ᠶᠢ ᠳᠤᠳᠤᠷᠬᠠᠶᠢᠯᠠᠨ᠂ ᠢᠨᠵᠧᠨᠧᠷᠢᠩ ᠤᠨ ᠪᠦᠳᠦᠬᠡᠨ | ᠪᠠᠶᠢᠭᠤᠯᠤᠯᠳᠠ ᠶᠢᠨ ᠦᠷ᠎ᠡ ᠪᠦᠳᠦᠬᠡᠯ ᠢ ᠪᠠᠳᠤᠳᠬᠠᠨ᠎ᠠ᠃ 7.9 ᠳᠦᠮᠡᠨ ᠲᠡᠭᠰᠢ ᠲᠦᠷᠪᠡᠯᠵᠢᠨ ᠮᠧᠲᠷ ᠤᠨ | ᠲᠠᠯᠠᠪᠠᠢ ᠪᠦᠬᠦᠢ 1173 ᠰᠠᠭᠤᠷᠢ ᠠᠶᠣᠯᠳᠠᠢ ᠬᠡᠷ ᠪᠠᠶᠢᠰᠢᠩ ᠢ ᠨᠣᠷᠠᠭᠠᠵᠣ᠂ 10.2 ᠲᠦᠮᠡᠨ ᠮᠧᠲᠷ ᠬᠦᠷᠢᠶ᠎ᠠ ᠶᠢ | ᠰᠢᠨ᠎ᠡ ᠪᠠᠷ ᠤᠷᠳᠤᠳᠬᠠᠨ ᠪᠠᠶᠢᠭᠤᠯᠤᠨ᠂ 323 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠲᠠᠯᠠᠪᠠᠢ ᠪᠦᠬᠦᠢ | ᠤᠷᠴᠢᠨ ᠳᠤᠭᠤᠷᠢᠨ ᠢ ᠴᠡᠪᠡᠷᠯᠡᠵᠦ᠂ 1740 ᠳᠡᠭᠰᠢ ᠳᠦᠷᠪᠡᠯᠵᠢᠨ ᠮᠧᠲᠷ ᠤᠨ ᠰᠤᠶᠤᠯ ᠤᠨ ᠠᠭᠤᠯᠭ᠎ᠠ ᠪᠦᠬᠦᠢ | ᠬᠡᠷᠡᠮ ᠬᠠᠨ᠎ᠠ ᠶᠢ ᠰᠢᠨ᠎ᠡ ᠪᠠᠷ ᠪᠠᠶᠢᠭᠤᠯᠤᠨ᠂ 7.6 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠤᠨ ᠬᠠᠵᠠᠭᠤ | ᠶᠢ ᠬᠠᠳᠠᠭᠤᠷᠠᠭᠤᠯᠵᠦ ᠂ 22 ᠰᠠᠭᠤᠷᠢ ᠬᠤᠭ ᠬᠠᠶᠠᠬᠤ ᠭᠠᠵᠠᠷ᠂ 111 ᠰᠠᠭᠤᠷᠢ ᠨᠡᠶᠢᠳᠠ ᠶᠢᠨ ᠵᠣᠷᠯᠦᠩ ᠢ | ᠰᠢᠨ᠎ᠠ ᠪᠠᠷ ᠪᠠᠶᠢᠭᠤᠯᠣᠨ᠎ᠠ᠃ | ︵ᠳᠠᠪᠤ︶ ᠠᠷᠠᠳ ᠤᠨ ᠠᠮᠢᠳᠣᠷᠠᠯ ᠢ ᠣᠯᠠᠮ ᠨᠢᠬᠡ ᠠᠯᠬᠤᠮ ᠪᠠᠳᠣᠯᠠᠨ ᠰᠠᠶᠢᠵᠢᠷᠠᠭᠤᠯᠣᠨ᠎ᠠ᠃ ᠠᠷᠠᠳ ᠤᠨ | ᠠᠮᠢᠳᠣᠷᠠᠯ ᠢ ᠲᠡᠭᠡᠭᠰᠢᠯᠡᠬᠦᠯᠬᠦ ᠶᠢ ᠪᠠᠷᠢᠮᠳᠠᠯᠠᠨ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠳᠤᠷ ᠠᠳᠬᠤᠵᠦ᠂ | ᠰᠣᠶᠣᠯ᠂ ᠰᠣᠷᠭᠠᠨ ᠬᠦᠮᠦᠵᠢᠯ᠂ ᠡᠷᠡᠬᠦᠯ ᠬᠠᠮᠠᠭᠠᠯᠠᠯ ᠤᠨ ᠠᠵᠢᠯ ᠦᠢᠯᠡᠰ ᠤᠨ ᠬᠦᠭᠵᠢᠯᠳᠠ ᠶᠢ ᠠᠬᠢᠭᠤᠯᠣᠨ᠂ | ᠦᠢᠯᠡᠴᠢᠯᠡᠬᠡᠨ ᠤ ᠳᠡᠩᠴᠡᠬᠦᠷᠢᠰᠢᠯᠳᠡ ᠶᠢᠨ ᠲᠦᠪᠰᠢᠨ ᠢ ᠲᠡᠭᠡᠭᠰᠢᠯᠡᠬᠦᠯᠦᠨ᠂ ᠣᠯᠠᠨ ᠲᠦᠮᠡᠨ ᠤ ᠡᠳᠣᠷ ᠢᠷᠡᠬᠦᠶ᠎ᠠ | ᠱᠠᠭᠠᠷᠳᠠᠭᠳᠠᠵᠣ ᠪᠠᠶᠢᠭ᠎ᠠ ᠪᠣᠳᠠᠰ ᠤᠨ ᠰᠣᠶᠣᠯ ᠤᠨ ᠱᠠᠭᠠᠷᠳᠠᠯᠭ᠎ᠠ ᠶᠢ ᠲᠠᠰᠣᠷᠠᠯᠳᠠ ᠦᠬᠡᠢ ᠬᠠᠩᠭᠠᠨ᠎ᠠ᠃ | ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠬᠢᠨ᠎ᠡ᠃ ︽ᠵᠢᠷᠭᠤᠭᠠᠨ ᠨᠠᠷᠢᠨ ᠤᠨᠤᠪᠴᠢᠳᠡᠢ︾᠂ ︽ᠲᠠᠪᠦᠨ | ᠨᠢᠬᠡ ᠪᠦᠯᠦᠭ︾ ᠨᠠᠷᠢᠨ ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ ᠴᠢᠭᠯᠡᠯᠳᠡ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠬᠦᠳᠡᠯᠦᠩᠬᠦᠢ ᠬᠠᠮᠢᠶᠠᠷᠤᠯᠳᠠ ᠶᠢ | ᠴᠢᠩᠭᠠᠳᠬᠠᠨ᠂ ᠡᠳ᠋ ᠪᠤᠳᠠᠰ ᠢᠶᠠᠷ ᠳᠡᠳᠬᠦᠬᠦ ᠶᠢᠨ ᠬᠠᠮᠳᠤ ᠤᠶᠤᠨ ᠰᠠᠨᠠᠭᠠᠨ ᠤ ᠠᠵᠢᠯ ᠢ ᠰᠠᠶᠢᠳᠤᠷ ᠬᠢᠵᠦ᠂ | ᠦᠨᠡᠨᠬᠦ ᠶᠠᠳᠠᠭᠤ ᠠᠴᠠ ᠠᠩᠬᠢᠵᠢᠷᠠᠭᠤᠯᠤᠨ᠂ ᠦᠨᠡᠨᠬᠦ ᠶᠠᠳᠠᠭᠤ ᠶᠢ ᠳᠡᠳᠬᠦᠬᠦ ᠶᠢ ᠪᠠᠳᠤᠯᠠᠵᠦ᠂ ︽ᠬᠤᠶᠠᠷ ᠲᠤ | ᠵᠤᠪᠠᠭ᠋ᠤ ᠦᠬᠡᠢ᠂ ᠭᠤᠷᠪᠠ ᠶᠢ ᠪᠠᠳᠤᠯᠠᠬᠤ︾ ︵ᠢᠳᠡᠵᠦ᠂ ᠡᠮᠦᠰᠬᠦ ᠳᠤ ᠵᠤᠪᠠᠭ᠋ᠤ ᠦᠬᠡᠢ᠂ ᠠᠯᠪᠠᠨ ᠵᠢᠷᠤᠮ ᠤᠨ | ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ᠂ ᠤᠷᠤᠨ ᠰᠠᠭᠤᠴᠠ ᠶᠢ ᠪᠠᠳᠤᠯᠬᠠᠤ︶ ᠬᠠᠷᠠᠯᠳᠠ ᠶᠢ | ᠪᠡᠶᠡᠯᠡᠬᠦᠯᠦᠨ᠎ᠡ᠃ ᠡᠳ᠋ ᠤᠨ ᠵᠠᠰᠠᠭ ᠢᠶᠠᠷ ᠶᠠᠳᠠᠭᠤ ᠶᠢ ᠳᠡᠳᠬᠦᠬᠦ ᠡᠷᠴᠢᠮ ᠢᠶᠠᠨ ᠤᠯᠠᠮ ᠨᠢᠬᠡ ᠠᠯᠬᠤᠮ | ᠴᠢᠩᠭᠠᠳᠬᠠᠵᠦ᠂ 2016 ᠤᠨ ᠳᠤ 1000 ᠳᠦᠮᠡᠨ ᠳᠦᠬᠦᠷᠢᠭ ᠪᠡᠯᠡ ᠤᠷᠤᠭᠤᠯᠬᠤ ᠪᠠᠷ ᠳᠦᠯᠦᠪᠯᠡᠵᠦ᠂ | ᠶᠠᠳᠠᠭᠤ ᠬᠦᠴᠢᠷᠳᠡᠯᠳᠡᠢ ᠮᠠᠯᠴᠢᠨ ᠡᠷᠦᠬᠡ ᠶᠢᠨ ᠮᠠᠯ ᠠᠵᠤ ᠠᠬᠤᠢ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ᠂ ᠠᠵᠤ ᠦᠢᠯᠡᠰ ᠤᠨ ᠬᠦᠭᠵᠢᠯᠳᠡ ᠵᠡᠷᠬᠡ ᠲᠠᠯ᠎ᠠ ᠳᠤ ᠳᠡᠮᠵᠢᠯᠬᠡ ᠦᠵᠡᠬᠦᠯᠦᠨ᠂ ᠠᠮᠢᠳᠤᠷᠠᠯ ᠤᠨ | ᠳᠠᠷᠤᠭᠠᠰᠤ ᠶᠢ ᠨᠢ ᠬᠦᠩᠬᠡᠯᠡᠨ᠎ᠡ᠃ 90 ᠲᠦᠮᠡᠨ ᠲᠦᠭᠦᠷᠢᠭ ᠤᠨ ᠪᠡᠯᠡ ᠮᠦᠩᠬᠦ ᠭᠠᠷᠭᠠᠵᠦ᠂ ︽ᠭᠤᠷᠪᠠ ᠶᠢ | ᠭᠠᠴᠠᠭ᠎ᠠ ᠳᠤᠰᠬᠤᠨ ᠡᠷᠦᠬᠡ ᠳᠤ ᠬᠦᠷᠬᠡᠬᠦ︾ ᠳᠦᠷᠦᠯ ᠵᠦᠢᠯ ᠤᠨ ᠵᠢᠬᠡᠯᠡᠯᠬᠡ ᠶᠢᠨ ᠬᠦᠣ ᠮᠦᠩᠬᠦ ᠳᠤ ᠨᠦᠬᠦᠪᠦᠷᠢ | ᠦᠭᠬᠦ ᠪᠠᠷ ᠳᠦᠯᠦᠪᠯᠡᠵᠦ ᠪᠠᠶᠢᠨ᠎ᠠ᠃ ︽ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠨ ᠠᠷᠠᠳ ᠢ | ᠴᠢᠨᠡᠬᠡᠯᠢᠭᠵᠢᠬᠦᠯᠬᠦ ᠢᠨᠵᠧᠨᠧᠷᠢᠩ︾ ᠢᠶᠠᠷ ᠳᠠᠮᠵᠢᠨ᠂ 6 ᠰᠤᠮᠤ ︵ᠪᠠᠯᠭᠠᠰᠤ︶ ᠶᠢᠨ 12 ᠭᠠᠴᠠᠭᠠᠨ ᠳᠤ 5200 | ᠳᠦᠮᠡᠨ ᠳᠦᠬᠦᠷᠢᠭ ᠤᠨ ᠵᠢᠬᠡᠯᠡᠯᠬᠡ ᠳᠠᠯᠪᠢᠬᠤ ᠪᠠᠷ ᠳᠦᠯᠦᠪᠯᠡᠵᠦ ᠪᠠᠶᠢᠨ᠎ᠠ᠃ ᠮᠠᠯᠵᠢᠬᠤ ᠤᠷᠤᠨ ᠤ ᠬᠦᠳᠡᠯᠮᠦᠷᠢ | ᠬᠦᠴᠦᠨ ᠢ ᠰᠢᠯᠵᠢᠬᠦᠯᠦᠨ ᠪᠤᠯᠪᠠᠰᠤᠷᠠᠯ ᠬᠦᠷᠳᠡᠬᠡᠬᠦ ᠠᠵᠢᠯ ᠢ ᠴᠢᠩᠭᠠᠳᠬᠠᠵᠦ᠂ ᠮᠠᠯᠵᠢᠬᠤ ᠤᠷᠤᠨ ᠤ 200 | ᠬᠦᠳᠡᠯᠮᠦᠷᠢ ᠬᠦᠴᠦᠨ ᠳᠤ ᠪᠤᠯᠪᠠᠰᠤᠷᠠᠯ ᠬᠦᠷᠳᠡᠬᠡᠬᠦ ᠪᠠᠷ ᠳᠦᠯᠦᠪᠯᠡᠵᠦ ᠪᠠᠶᠢᠨ᠎ᠠ᠃ ᠠᠶᠢᠮᠠᠭ ᠱᠠᠳᠣᠨ ᠤ | ᠬᠦᠴᠢᠷᠳᠡᠯᠳᠠᠢ ᠬᠡᠷ ᠪᠦᠯᠢ ᠳᠤ ᠳᠠᠩᠰᠠ ᠡᠪᠬᠡᠮᠡᠯ ᠪᠠᠶᠢᠭᠤᠯᠬᠤ ᠠᠵᠢᠯ ᠢ ᠪᠡᠶᠡᠯᠡᠬᠦᠯᠵᠦ᠂ ᠬᠠᠨᠳᠤᠯᠭᠠᠳᠤ ᠴᠢᠨᠠᠷᠳᠠᠢ | ᠠᠷᠭ᠎ᠠ ᠬᠡᠮᠵᠢᠶ᠎ᠡ ᠶᠢ ᠠᠪᠴᠦ᠂ ᠶᠠᠳᠠᠭᠤ ᠶᠢ ᠨᠠᠷᠢᠨ ᠤᠨᠤᠪᠴᠢᠳᠠᠢ ᠳᠡᠳᠬᠦᠬᠦ ᠶᠢ ᠪᠠᠳᠤᠯᠠᠨ᠂ 133 ᠡᠷᠦᠬᠡ ᠶᠢᠨ | 406 ᠬᠦᠮᠦᠨ ᠢ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠤᠨ᠎ᠠ᠃ | ᠡᠳ᠋ ᠤᠨ ᠵᠠᠰᠠᠭ ᠤᠨ ᠭᠠᠶᠢᠯᠢ᠂ ᠬᠢᠨᠠᠨ ᠪᠤᠳᠤᠯᠳᠠ᠂ ᠮᠦᠩᠬᠦᠨ ᠬᠦᠢᠯᠬᠡᠬᠡᠨ ᠤ ᠠᠵᠢᠯ ᠢ ᠰᠠᠶᠢᠳᠤᠷ ᠬᠢᠨ᠎ᠡ᠃ | ᠭᠠᠶᠢᠯᠢ ᠶᠢᠨ ᠢᠷᠡᠯᠳᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠤᠷᠤᠯᠭ᠎ᠠ ᠶᠢᠨ ᠢᠷᠡᠯᠳᠡ ᠶᠢ ᠨᠢ ᠦᠷᠬᠡᠳᠬᠡᠨ᠂ | ᠭᠠᠶᠢᠯᠢ ᠦᠷᠢᠳᠦᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠨ᠂ ᠬᠤᠷᠢᠶᠠᠬᠤ ᠵᠤᠬᠢᠰᠳᠠᠢ ᠶᠢ ᠨᠢ ᠪᠦᠬᠦᠨ ᠢ | ᠬᠤᠷᠢᠶᠠᠵᠦ᠂ ᠪᠦᠬᠦ ᠵᠢᠯ ᠤᠨ ᠡᠬᠦᠷᠬᠡ ᠬᠠᠷᠠᠯᠳᠠ ᠪᠠᠨ ᠪᠡᠶᠡᠯᠡᠬᠦᠯᠬᠦ ᠶᠢ ᠪᠠᠳᠤᠯᠠᠨ᠎ᠠ᠃ ᠡᠳ᠋ ᠤᠨ ᠵᠠᠰᠠᠭ ᠤᠨ | ᠭᠠᠶᠢᠯᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠤᠯᠠᠮ ᠨᠢᠬᠡ ᠠᠯᠬᠤᠮ ᠠᠬᠢᠭᠤᠯᠵᠦ᠂ ᠡᠳ᠋ ᠤᠨ ᠵᠠᠰᠠᠭ ᠤᠨ | ᠡᠬᠢ ᠪᠠᠶᠠᠯᠢᠭ ᠤᠨ ᠳᠤᠬᠢᠷᠠᠭᠤᠯᠤᠯᠳᠠ ᠶᠢ ᠰᠢᠯᠢᠳᠡᠭᠵᠢᠬᠦᠯᠤᠨ᠂ ᠳᠦᠰᠦᠪᠯᠡᠨ ᠪᠤᠳᠤᠬᠤ ᠬᠠᠮᠢᠶᠠᠷᠤᠯᠳᠠ ᠶᠢ | ᠴᠢᠩᠭᠠᠳᠬᠠᠵᠤ᠂ ᠳᠦᠰᠦᠪᠯᠡᠨ ᠪᠤᠳᠤᠯᠳᠠ ᠪᠠ ᠳᠦᠰᠦᠪ ᠤᠨ ᠬᠦᠢᠴᠡᠳᠬᠡᠯ ᠢ ᠢᠯᠡ ᠨᠡᠶᠢᠳᠡᠯᠡᠬᠦ ᠬᠦᠴᠦᠯᠡᠴᠡ ᠪᠠᠨ | ᠨᠡᠮᠡᠭᠳᠡᠬᠦᠯᠦᠨ᠎ᠡ᠃ ᠳᠦᠰᠦᠪᠯᠡᠨ ᠪᠤᠳᠤᠬᠤ ᠦᠷ᠎ᠡ ᠪᠦᠳᠦᠮᠵᠢ ᠶᠢᠨ ᠬᠠᠮᠢᠶᠠᠷᠤᠯᠳᠠ ᠶᠢ ᠠᠬᠢᠭᠤᠯᠵᠦ᠂ ᠵᠠᠰᠠᠭ ᠤᠨ | ᠤᠷᠳᠤᠨ ᠠᠴᠠ ᠪᠡᠯᠡ ᠤᠷᠤᠭᠤᠯᠤᠭᠰᠠᠨ ᠲᠦᠷᠦᠯ ᠵᠦᠢᠯ ᠪᠦᠬᠦᠨ ᠳᠤ ᠦᠨᠡᠯᠡᠯᠳᠡ ᠬᠢᠵᠦ᠂ ᠵᠠᠰᠠᠭ ᠵᠠᠬᠢᠷᠭᠠᠨ ᠤ | ᠪᠠᠶᠢᠴᠠᠭᠠᠯᠳᠠ ᠪᠠ ᠬᠢᠨᠠᠨ ᠪᠤᠳᠤᠯᠳᠠ ᠶᠢᠨ ᠬᠢᠨᠠᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠳᠦᠪ | ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ᠂ ᠪᠦᠬᠦ ᠠᠶᠢᠮᠠᠭ ᠤᠨ ᠵᠠᠰᠠᠭ ᠤᠨ ᠤᠷᠳᠤᠨ ᠤ ᠦᠷᠢ ᠦᠭᠴᠢᠬᠡ ᠶᠢᠨ | ᠬᠠᠮᠢᠶᠠᠷᠤᠯᠳᠠ ᠶᠢ ᠴᠢᠩᠭᠠᠳᠬᠠᠤ ᠳᠤᠬᠠᠢ ᠡᠯ᠎ᠡ ᠵᠦᠢᠯ ᠤᠨ ᠳᠦᠷᠦ ᠶᠢᠨ ᠪᠤᠳᠤᠯᠭ᠎ᠠ ᠳᠤᠭᠳᠠᠭᠠᠯ ᠢ ᠳᠦᠪ ᠴᠢᠩᠭ᠎ᠠ | ᠬᠡᠷᠡᠭᠵᠢᠬᠦᠯᠵᠦ᠂ ᠦᠷᠢ ᠦᠭᠴᠡᠬᠡᠨ ᠤ ᠦᠢᠯᠡ ᠠᠵᠢᠯᠯᠠᠭ᠎ᠠ ᠶᠢ ᠳᠦᠷᠢᠮᠵᠢᠬᠦᠯᠦᠨ᠂ ᠲᠦᠭᠰᠢᠭᠦᠷᠢ ᠶᠢ ᠨᠢ | ᠬᠢᠵᠠᠭᠠᠷᠯᠠᠨ᠎ᠠ᠃ | ᠰᠣᠷᠭᠠᠨ ᠬᠦᠮᠦᠵᠢᠯ ᠢ ᠣᠷᠢᠳᠴᠢᠯᠠᠨ ᠬᠦᠭᠵᠢᠬᠦᠯᠦᠨ᠎ᠡ᠃ ᠰᠣᠷᠭᠠᠨ ᠬᠦᠮᠦᠵᠢᠯ ᠤᠨ ᠶᠠᠰᠣ ᠴᠢᠨᠠᠷ ᠢ | ᠲᠡᠭᠡᠭᠰᠢᠯᠡᠬᠦᠯᠬᠦ ᠲᠠᠪᠣᠨ ᠵᠢᠯ ᠤᠨ ᠲᠦᠯᠦᠪᠯᠡᠭᠡ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠦᠷᠢᠵᠢᠭᠤᠯᠵᠣ᠂ | ᠰᠣᠷᠭᠠᠨ ᠬᠦᠮᠦᠵᠢᠯ ᠤᠨ ᠶᠠᠰᠣ ᠴᠢᠨᠠᠷ ᠪᠠ ᠰᠤᠷᠤᠭᠴᠢᠳ ᠤᠨ ᠬᠡᠪ ᠴᠢᠨᠠᠷ ᠢ ᠳᠡᠬᠡᠭᠰᠢᠯᠡᠬᠦᠯᠬᠦ ᠶᠢ ᠬᠠᠮᠳᠤ ᠳᠤᠨᠢ | ᠠᠳᠬᠤᠵᠦ᠂ ᠪᠠᠶᠢᠭᠠᠯᠢ ᠶᠢᠨ ᠰᠢᠨᠵᠢᠯᠡᠬᠦ ᠣᠬᠠᠭᠠᠨ ᠤ ᠰᠣᠷᠭᠠᠨ ᠬᠦᠮᠦᠵᠢᠯ ᠤᠨ ᠠᠵᠢᠯ ᠢ ᠣᠯᠠᠮ ᠨᠢᠬᠡ ᠠᠯᠬᠤᠮ | ᠳᠤᠪᠤᠶᠢᠯᠭᠠᠨ᠎ᠠ᠃ ᠰᠣᠷᠭᠠᠨ ᠬᠦᠮᠦᠵᠢᠯ ᠤᠨ ᠠᠵᠢᠯ ᠦᠢᠯᠡᠰ ᠤᠨ ᠬᠦᠭᠵᠢᠯᠳᠡ ᠶᠢᠨ ᠬᠢᠷᠢ ᠳᠦᠪᠰᠢᠨ ᠢ ᠪᠦᠬᠦ ᠲᠠᠯ᠎ᠠ | ᠪᠠᠷ ᠳᠡᠬᠡᠭᠰᠢᠯᠡᠬᠦᠯᠦᠨ᠂ ᠦᠨᠳᠦᠷ ᠶᠠᠰᠤ ᠴᠢᠨᠠᠷ ᠲᠠᠢ ᠰᠣᠷᠬᠤ ᠨᠠᠰᠣᠨ ᠠᠴᠠ ᠡᠮᠣᠨᠡᠬᠢ ᠰᠣᠷᠭᠠᠨ ᠬᠦᠮᠦᠵᠢᠯ ᠢ | ᠬᠦᠭᠵᠢᠬᠦᠯᠦᠨ᠂ ᠠᠯᠪᠠᠨ ᠠᠴᠠ ᠡᠷᠬᠢᠯᠡᠬᠦ ᠪᠠᠷ ᠭᠤᠤᠯ ᠪᠤᠯᠭᠠᠨ᠂ ᠠᠷᠠᠳ ᠠᠴᠠ ᠡᠷᠬᠢᠯᠡᠭᠰᠡᠨ ᠴᠡᠴᠡᠷᠯᠢᠭ ᠤᠨ | ᠬᠦᠭᠵᠢᠯᠳᠡ ᠶᠢ ᠳᠡᠮᠵᠢᠬᠦ ᠶᠢᠨ ᠬᠠᠮᠳᠤ ᠳᠦᠷᠢᠮᠵᠢᠬᠦᠯᠵᠦ᠂ ᠰᠤᠷᠬᠤ ᠨᠠᠰᠣᠨ ᠠᠴᠠ ᠡᠮᠣᠨᠡᠬᠢ ᠬᠡᠤᠬᠡᠳ ᠤᠨ | ᠬᠦᠮᠦᠵᠢᠯ ᠤᠨ ᠵᠤᠬᠢᠴᠠᠮᠵᠢ ᠶᠢ ᠡᠷᠢᠯᠬᠢᠯᠡᠵᠦ᠂ ᠪᠠᠯᠭᠠᠷ ᠬᠡᠣᠬᠡᠳ ᠤᠨ ᠴᠡᠴᠡᠷᠯᠢᠭ ᠢ ᠦᠪᠡᠷᠳᠡᠬᠡᠨ ᠵᠠᠰᠠᠬᠤ ᠣᠷᠣᠨ ᠤ | ᠨᠢᠬᠡᠳᠣᠬᠡᠷ ᠲᠦᠷᠦᠯ ᠤᠨ ᠬᠡᠣᠬᠡᠳ ᠤᠨ ᠴᠡᠴᠡᠷᠯᠢᠭ᠂ ᠪᠠᠷᠠᠭᠤᠨ ᠦᠵᠣᠮᠣᠴᠢᠨ ᠬᠤᠰᠢᠭᠤᠨ ᠤ ᠬᠡᠣᠬᠡᠳ ᠤᠨ | ᠴᠡᠴᠡᠷᠯᠢᠭ ᠢ ᠦᠪᠡᠷᠳᠡᠬᠡᠨ ᠵᠠᠰᠠᠬᠤ ᠣᠷᠣᠨ ᠤ ᠵᠢᠱᠢᠶ᠎ᠡ ᠦᠵᠡᠬᠦᠯᠬᠦ ᠬᠡᠣᠬᠡᠳ ᠤᠨ ᠴᠡᠴᠡᠷᠯᠢᠭ ᠪᠣᠯᠭᠠᠨ ᠪᠦᠳᠣᠬᠡᠨ | ᠪᠠᠶᠢᠭᠤᠯᠣᠨ᠎ᠠ᠃ ᠪᠦᠬᠦ ᠣᠯᠣᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠡᠩᠴᠡᠭᠦᠷᠢᠳᠠᠢ ᠬᠦᠭᠵᠢᠯᠳᠠ | ᠶᠢᠨ ᠬᠤᠰᠢᠭᠤ ︵ᠰᠢᠶᠠᠨ︶ ᠤ ᠦᠷ᠎ᠠ ᠪᠦᠳᠦᠬᠡᠯ ᠢ ᠪᠠᠬᠢᠵᠢᠬᠦᠯᠦᠨ᠂ ᠠᠯᠪᠠᠨ ᠵᠢᠷᠣᠮ ᠤᠨ ᠰᠣᠷᠭᠠᠨ ᠬᠦᠮᠦᠵᠢᠯ | ᠤᠨ ᠵᠢᠭᠠᠨ ᠰᠤᠷᠭᠠᠯᠳᠠ ᠶᠢᠨ ᠬᠢᠷᠢ ᠳᠦᠪᠰᠢᠨ ᠢ ᠲᠡᠭᠡᠭᠰᠢᠯᠡᠬᠦᠯᠦᠨ᠎ᠡ᠃ ᠡᠩ ᠤᠨ ᠦᠨᠳᠦᠷ ᠵᠡᠷᠬᠡ ᠶᠢᠨ ᠳᠤᠮᠳᠠᠳᠤ | ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠬᠡᠭᠰᠢᠯᠡᠬᠦᠯᠵᠦ᠂ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠵᠢᠭᠠᠨ ᠰᠤᠷᠭᠠᠯᠳᠠ ᠶᠢᠨ ᠠᠵᠢᠯ ᠢ ᠦᠷᠬᠦᠯᠵᠢᠯᠡᠨ ᠰᠠᠶᠢᠳᠤᠷ ᠠᠳᠬᠤᠵᠦ᠂ ᠦᠨᠳᠦᠷ ᠵᠡᠷᠬᠡ | ᠶᠢᠨ ᠳᠤᠮᠳᠠᠳᠤ ᠰᠤᠷᠭᠠᠭᠤᠯᠢ ᠶᠢᠨ ᠱᠠᠳᠤᠨ ᠳᠠᠬᠢ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠦᠨᠡᠨᠬᠦ | ᠴᠢᠩᠭᠠᠳᠬᠠᠨ᠎ᠠ᠃ ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠠᠪᠠᠷ ᠭᠤᠤᠯᠳᠠᠯᠭ᠎ᠠ ᠲᠠᠢ ᠬᠦᠭᠵᠢᠬᠦᠯᠦᠨ᠎ᠡ᠃ | ᠤᠨᠴᠠᠭᠠᠢ ᠰᠤᠷᠭᠠᠨ ᠬᠦᠮᠦᠵᠢᠯ ᠢ ᠴᠢᠩᠭᠠᠳᠬᠠᠵᠦ᠂ ᠭᠤᠷᠪᠠᠨ ᠳᠦᠷᠦᠯ ᠤᠨ ᠵᠡᠮᠳᠡᠭ ᠬᠡᠤᠬᠡᠳ ᠤᠨ ᠠᠩᠬᠢ ᠲᠠᠭᠠᠨ | ᠰᠤᠷᠤᠯᠴᠠᠬᠤ ᠶᠢ ᠪᠠᠳᠤᠯᠠᠨ᠎ᠠ᠃ ᠪᠠᠭᠰᠢ ᠶᠢᠨ ᠪᠤᠯᠪᠠᠰᠤᠷᠠᠯ ᠢ ᠴᠢᠩᠭᠠᠳᠬᠠᠨ᠂ ᠰᠤᠷᠭᠠᠭᠤᠯᠢ ᠶᠢᠨ ᠵᠠᠬᠢᠷᠤᠯ ᠪᠠ | ᠡᠷᠳᠡᠮ ᠰᠢᠨᠵᠢᠯᠡᠬᠡᠨ ᠤ ᠳᠠᠭᠠᠭᠤᠯᠤᠭᠴᠢ ᠶᠢᠨ ᠴᠤᠭᠴᠠᠯᠠᠯᠳᠠ ᠶᠢ ᠴᠢᠩᠭᠠᠳᠬᠠᠵᠦ᠂ ᠪᠠᠭᠰᠢ ᠶᠢᠨ ᠡᠩᠨᠡᠬᠡᠨ ᠤ | ᠪᠦᠬᠦᠯᠢ ᠴᠤᠭᠴᠠ ᠶᠢᠨ ᠬᠡᠪ ᠪᠤᠯᠪᠠᠰᠤᠷᠠᠯ ᠢ ᠳᠡᠬᠡᠭᠰᠢᠯᠡᠬᠦᠯᠦᠨ᠎ᠡ᠃ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ | ᠶᠢᠨ ᠠᠵᠢᠯᠯᠠᠭ᠎ᠠ ᠶᠢ ᠣᠯᠠᠮ ᠨᠢᠬᠡ ᠠᠯᠬᠤᠮ ᠠᠬᠢᠭᠤᠯᠵᠣ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ | ᠠᠩᠬᠢ ᠪᠠ ᠰᠤᠷᠭᠠᠭᠴᠢ ᠶᠢᠨ ᠡᠩᠨᠡᠬᠡᠨ ᠤ ᠳᠤᠰᠬᠠᠢ ᠮᠡᠷᠬᠡᠵᠢᠭᠰᠡᠨ ᠳᠦᠪᠰᠢᠨ ᠢ ᠳᠡᠬᠡᠭᠰᠢᠯᠡᠬᠦᠯᠦᠨ᠂ ᠤᠯᠤᠰ ᠤᠨ | ᠳᠡᠰ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠬᠡᠨ ᠤ ᠤᠨᠴᠠᠯᠢᠭᠳᠤ ᠰᠤᠷᠭᠠᠭᠤᠯᠢ ᠶᠢᠨ ᠱᠠᠭᠠᠷᠳᠠᠯᠭ᠎ᠠ ᠪᠠᠷ | ᠮᠠᠨ ᠤ ᠬᠤᠰᠢᠭᠤᠨ ᠤ ᠬᠦᠯ ᠪᠦᠮᠪᠦᠬᠡᠨ ᠤ ᠠᠵᠢᠯ ᠢ ᠳᠦᠯᠬᠢᠨ ᠠᠬᠢᠭᠤᠯᠵᠦ᠂ ᠶᠡᠷᠦᠩᠬᠡᠶᠢᠯᠡᠭᠰᠡᠨ ᠦᠨᠳᠣᠷ ᠵᠡᠷᠬᠡ | ᠶᠢᠨ ᠲᠣᠮᠳᠠᠳᠣ ᠰᠣᠷᠭᠠᠭᠤᠯᠢ ᠪᠠ ᠬᠤᠶᠠᠳᠣᠭᠠᠷ ᠲᠣᠮᠳᠠᠳᠣ ᠰᠣᠷᠭᠠᠭᠤᠯᠢ ᠶᠢᠨ ᠲᠠᠮᠢᠷ ᠤᠨ ᠲᠠᠯᠠᠪᠣᠷ ᠢ ᠰᠢᠨ᠎ᠡ ᠪᠠᠷ | ᠪᠠᠶᠢᠭᠤᠯᠤᠨ᠎ᠠ᠃ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠢ ᠤᠯᠠᠮ ᠨᠢᠬᠡ ᠠᠯᠬᠤᠮ ᠴᠢᠩᠭᠠᠳᠬᠠᠨ᠎ᠠ᠃ | ᠦᠢᠯᠡᠰ ᠪᠣᠰᠬᠠᠬᠤ ᠠᠵᠢᠯ ᠣᠯᠭᠤᠯᠳᠠ ᠶᠢ ᠴᠢᠩᠭ᠎ᠠ ᠠᠳᠬᠤᠨ᠎ᠠ᠃ ᠪᠠᠭ᠎ᠠ ᠬᠡᠮᠵᠢᠶᠡᠨ ᠤ ᠪᠠᠳᠤᠯᠠᠭᠠᠳᠤ | ᠵᠢᠭᠡᠯᠡᠯᠭᠡ ᠲᠠᠯᠪᠢᠬᠤ ᠠᠵᠢᠯ ᠢ ᠰᠠᠶᠢᠳᠤᠷ ᠬᠢᠵᠤ᠂ 2016 ᠣᠨ ᠳᠤ 5000 ᠲᠦᠮᠡᠨ ᠲᠥᠬᠦᠷᠢᠭ ᠠᠴᠠ ᠲᠡᠭᠡᠭᠰᠢ | ᠦᠢᠯᠡᠰ ᠪᠣᠰᠬᠠᠬᠤ ᠵᠢᠭᠡᠯᠡᠯᠭᠡ ᠲᠠᠯᠪᠢᠬᠤ ᠪᠠᠷ ᠲᠥᠯᠦᠪᠯᠡᠨ᠂ 600 ᠨᠡᠷᠡᠰ ᠠᠵᠢᠯ ᠤᠯᠭᠤᠬᠤ ᠶᠢ ᠳᠠᠶᠢᠴᠢᠯᠠᠭᠰᠨᠨ | ᠦᠷ᠎ᠡ ᠪᠦᠳᠦᠬᠡᠯ ᠨᠢ ᠰᠠᠶᠢᠨ ᠦᠢᠯᠡᠰ ᠪᠤᠰᠬᠠᠭᠴᠢ ᠵᠢᠴᠢ ᠡᠵᠡᠩᠨᠡᠯᠳᠡ ᠨᠢ ᠳᠤᠭᠳᠠᠭᠤᠨ ᠬᠤᠳᠠ ᠤᠷᠤᠭᠰᠠᠨ | ᠮᠠᠯᠴᠢᠨ᠂ ᠶᠡᠭᠡ ᠳᠤᠮᠳᠠ ᠳᠤᠰᠬᠠᠢ ᠮᠡᠷᠭᠡᠵᠢᠯ ᠤᠨ ᠰᠤᠷᠭᠠᠭᠤᠯᠢ ᠳᠡᠬᠦᠰᠦᠭᠰᠡᠨ ᠤᠶᠤᠳᠠᠨ ᠪᠠ ᠴᠡᠷᠢᠭ ᠠᠴᠠ | ᠬᠠᠯᠠᠭᠳᠠᠭᠰᠠᠳ ᠵᠠᠷᠭᠡ ᠬᠤᠳᠠ ᠬᠦᠳᠡᠭᠡ ᠶᠢᠨ ᠡᠯ᠎ᠡ ᠲᠥᠷᠦᠯ ᠤᠨ ᠦᠢᠯᠡᠰ ᠪᠣᠰᠬᠠᠭᠴᠢ ᠶᠢ ᠭᠤᠤᠯᠳᠠᠯᠭ᠎ᠠ ᠲᠠᠢ ᠪᠠᠷ | ᠳᠡᠮᠵᠢᠵᠦ᠂ ᠦᠢᠯᠡᠰ ᠪᠣᠰᠬᠠᠬᠤ ᠪᠠᠷ ᠳᠠᠮᠵᠢᠨ ᠠᠵᠢᠯ ᠤᠯᠭᠤᠬᠤ ᠶᠢ ᠳᠠᠶᠢᠴᠢᠯᠠᠨ᠎ᠠ᠃ ᠰᠢᠨ᠎ᠡ ᠶᠢ ᠡᠬᠦᠳᠦᠨ ᠦᠢᠯᠡᠰ | ᠪᠤᠰᠬᠠᠬᠤ ᠰᠠᠭᠤᠷᠢᠨ ᠭᠠᠵᠠᠷ ᠤᠨ ᠪᠠᠶᠢᠭᠤᠯᠤᠯᠳᠠ ᠶᠢ ᠠᠬᠢᠭᠤᠯᠤᠨ᠂ 70 ᠡᠷᠦᠬᠡ ᠠᠩᠬ᠎ᠠ ᠦᠢᠯᠡᠰ ᠪᠤᠰᠬᠠᠭᠴᠢ ᠶᠢ | ᠪᠠᠭᠳᠠᠭᠠᠵᠦ ᠴᠢᠳᠠᠬᠤ ᠰᠢᠨ᠎ᠡ ᠶᠢ ᠡᠬᠦᠳᠦᠨ ᠦᠢᠯᠡᠰ ᠪᠤᠰᠬᠠᠬᠤ ᠰᠠᠭᠤᠷᠢᠨ ᠭᠠᠵᠠᠷ ᠢ ᠪᠠᠶᠢᠭᠤᠯᠵᠦ᠂ ᠠᠵᠤ | ᠠᠬᠤᠶᠢᠯᠠᠯ ᠵᠢᠴᠢ ᠠᠵᠢᠯ ᠦᠢᠯᠡᠰ ᠡᠷᠬᠢᠯᠡᠵᠦ ᠪᠠᠶᠢᠭ᠎ᠠ ᠡᠷᠦᠬᠡ ᠳᠤ ᠰᠦᠢᠳᠬᠡᠯ ᠬᠤᠷᠢᠶᠠᠬᠤ ᠦᠬᠡᠢ ᠪᠤᠯᠪᠠᠰᠤᠷᠠᠯ | ᠬᠦᠷᠳᠡᠬᠡᠬᠦ᠂ ᠦᠢᠯᠡᠰ ᠪᠤᠰᠬᠠᠬᠤ ᠵᠢᠬᠡᠯᠡᠯᠬᠡ ᠤᠯᠭᠤᠬᠤ᠂ ᠭᠠᠶᠢᠯᠢ ᠶᠢ ᠬᠡᠯᠳᠦᠷᠢᠬᠦᠯᠬᠦ᠂ ᠬᠡᠷ ᠤᠨ ᠳᠦᠷᠢᠶᠡᠰᠤ ᠶᠢ | ᠬᠦᠩᠬᠡᠯᠡᠬᠦ ᠵᠡᠷᠬᠡ ᠬᠠᠷᠠᠭᠠᠯᠵᠠᠯ ᠤᠨ ᠳᠦᠷᠤ ᠶᠢᠨ ᠪᠤᠳᠤᠯᠭ᠎ᠠ ᠶᠢ ᠬᠠᠩᠭᠠᠨ᠎ᠠ᠃ ᠭᠤᠤᠯᠳᠠᠯᠭ᠎ᠠ ᠲᠠᠢ ᠲᠥᠷᠦᠯ ᠵᠤᠶᠢᠯ | ᠤᠨ ᠪᠦᠳᠦᠬᠡᠨ ᠪᠠᠶᠢᠭᠤᠯᠤᠯᠳᠠ ᠪᠠᠷ ᠠᠵᠢᠯ ᠤᠯᠭᠤᠬᠤ ᠶᠢ ᠠᠬᠢᠭᠤᠯᠬᠤ ᠵᠤᠬᠢᠴᠠᠮᠵᠢ ᠶᠢ ᠳᠡᠯᠬᠡᠷᠡᠬᠦᠯᠵᠦ᠂ ᠠᠵᠢᠯ ᠤᠨ | ᠪᠠᠶᠢᠷᠢ ᠶᠢ ᠴᠤᠭᠯᠠᠭᠤᠯᠤᠨ᠂ ᠵᠠᠬᠢᠶᠠᠯᠠᠭ᠎ᠠ ᠶᠢᠨ ᠬᠡᠯᠪᠡᠷᠢ ᠶᠢᠨ ᠪᠤᠯᠪᠠᠰᠤᠷᠠᠯ ᠢ ᠦᠷᠨᠢᠬᠦᠯᠵᠦ᠂ ᠠᠵᠢᠯ ᠤᠯᠭᠤᠬᠤ | ᠠᠵᠢᠯ ᠤᠨ ᠬᠠᠨᠳᠤᠯᠭᠠᠳᠤ ᠴᠢᠨᠠᠷ ᠢ ᠳᠡᠬᠡᠭᠰᠢᠯᠡᠬᠦᠯᠦᠨ᠎ᠡ᠃ ︽ᠢᠨᠲ᠋ᠧᠷ ᠰᠦᠯᠵᠢᠶ᠎ᠡ + ︾ ᠵᠡᠷᠬᠡ ᠰᠢᠨ᠎ᠡ ᠪᠠᠷ | ᠦᠷᠨᠢᠨ ᠬᠦᠭᠵᠢᠵᠦ ᠪᠠᠶᠢᠭ᠎ᠠ ᠠᠵᠤ ᠦᠢᠯᠡᠰ ᠢ ᠭᠤᠤᠯᠳᠠᠯᠭ᠎ᠠ ᠲᠠᠢ ᠪᠤᠵᠠᠭᠠᠶᠢᠷᠠᠭᠤᠯᠤᠨ᠂ ᠮᠠᠨ ᠤ ᠬᠤᠰᠢᠭᠤᠨ ᠤ | ᠪᠤᠳᠠᠳᠤ ᠠᠵᠤ ᠠᠬᠤᠢ ᠶᠢᠨ ᠰᠢᠨ᠎ᠡ ᠶᠢ ᠡᠬᠦᠳᠬᠦ ᠪᠠ ᠦᠢᠯᠡᠳᠪᠤᠷᠢᠯᠡᠯ ᠤᠨ ᠬᠦᠴᠦᠨ ᠢ ᠨᠢ ᠳᠡᠬᠡᠭᠰᠢᠯᠡᠬᠦᠯᠦᠨ᠎ᠡ᠃ | ᠦᠢᠯᠡᠰ ᠪᠤᠰᠬᠠᠵᠦ ᠠᠵᠢᠯ ᠤᠯᠭᠤᠬᠤ ᠵᠢᠯᠤᠭᠤᠳᠬᠤ ᠳᠦᠪ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ︽ | ᠢᠨᠲ᠋ᠧᠷ ᠰᠦᠯᠵᠢᠶ᠎ᠡ +︾ ᠬᠡᠮᠡᠬᠦ ᠵᠢᠯᠤᠭᠤᠳᠤᠯᠭᠠᠳᠤ ᠴᠢᠨᠠᠷᠳᠠᠢ ᠪᠤᠯᠪᠠᠰᠤᠷᠠᠯ ᠤᠨ ᠬᠦᠴᠦᠯᠡᠴᠡ ᠶᠢ ᠨᠡᠮᠡᠭᠳᠡᠬᠦᠯᠦᠨ᠎ᠡ᠃ | ᠡᠬᠦᠨ ᠤ ᠬᠠᠮᠳᠤ᠂ ᠡᠯ᠎ᠡ ᠳᠦᠷᠦᠯ ᠤᠨ ᠬᠠᠷᠠᠭᠠᠯᠵᠠᠬᠤ ᠳᠦᠷᠦ ᠶᠢᠨ ᠪᠤᠳᠤᠯᠭ᠎ᠠ ᠪᠠᠷ ᠳᠠᠮᠵᠢᠨ᠂ ᠬᠤᠰᠢᠭᠤ ᠨᠤᠳᠤᠭ | ᠤᠨ ᠠᠵᠤ ᠠᠬᠤᠶᠢᠯᠠᠯᠳᠠᠳ ᠢ ᠬᠦᠴᠦᠯᠡᠨ ᠪᠤᠵᠠᠭᠠᠶᠢᠷᠠᠭᠤᠯᠤᠨ᠎ᠠ᠃ | ᠨᠡᠶᠢᠬᠡᠮ ᠤᠨ ᠪᠠᠳᠣᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠠᠮᠤᠭ ᠳᠤᠤᠷ᠎ᠠ | ᠠᠮᠢᠳᠣᠷᠠᠯ ᠤᠨ ᠪᠠᠳᠤᠯᠠᠭ᠎ᠠ ᠶᠢᠨ ᠳᠦᠷᠢᠮ ᠢ ᠰᠠᠶᠢᠳᠤᠷ ᠬᠡᠷᠡᠭᠵᠢᠬᠦᠯᠵᠦ᠂ ᠮᠠᠯᠵᠢᠬᠤ ᠣᠷᠤᠨ ᠤ ︽ᠲᠠᠪᠤᠨ | ᠪᠠᠳᠤᠯᠭᠠᠳᠤ︾ ᠡᠷᠦᠬᠡ᠂ ᠬᠤᠲᠠ ᠪᠠᠯᠭᠠᠰᠤᠨ ᠤ ︽ᠭᠤᠷᠪᠠᠨ ᠦᠭᠡᠢ︾ ᠬᠦᠮᠦᠰ᠂ ᠥᠨᠦᠴᠢᠨ ᠦᠷᠦᠬᠡᠰᠦᠨ᠂ | ᠵᠡᠮᠳᠡᠭ ᠬᠦᠮᠦᠰ ᠢ ᠠᠪᠤᠷᠠᠨ ᠳᠤᠰᠠᠯᠠᠬᠤ ᠬᠦᠴᠦᠯᠡᠴᠡ ᠪᠠᠨ ᠨᠡᠮᠡᠭᠳᠡᠬᠦᠯᠦᠨ᠂ ᠬᠦᠴᠢᠷᠳᠡᠯ ᠲᠠᠢ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠳᠤᠯᠠᠨ᠎ᠠ᠃ ᠨᠠᠰᠤᠵᠢᠯ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠦᠨ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠤᠬᠤ ᠬᠡᠪᠴᠢᠶ᠎ᠡ ᠪᠠ ᠥᠨᠳᠦᠷ ᠨᠠᠰᠤᠲᠠᠨ ᠤ ᠨᠥᠬᠦᠪᠦᠷᠢ | ᠶᠢᠨ ᠪᠦᠷᠬᠦᠴᠡ ᠶᠢ ᠦᠷᠬᠡᠳᠬᠡᠵᠦ᠂ ᠨᠥᠬᠦᠪᠦᠷᠢ ᠶᠢᠨ ᠪᠠᠷᠢᠮᠵᠢᠶ᠎ᠡ ᠪᠠ ᠪᠠᠳᠤᠯᠠᠭ᠎ᠠ ᠶᠢᠨ ᠲᠥᠪᠰᠢᠨ ᠢ | ᠳᠡᠬᠡᠭᠰᠢᠯᠡᠬᠦᠯᠦᠨ᠎ᠡ᠃ ᠬᠤᠲᠠ ᠪᠠᠯᠭᠠᠰᠤᠨ ᠤ ᠠᠵᠤ ᠠᠬᠤᠶᠢᠯᠠᠯ ᠤᠨ ᠦᠨᠳᠦᠰᠦᠨ ᠨᠠᠰᠤᠵᠢᠯ ᠤᠨ ᠳᠠᠭᠠᠳᠬᠠᠯ᠂ | ᠬᠦᠯᠦᠰᠦᠨ ᠠᠵᠢᠯᠳᠠᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠥᠷᠭᠡᠳᠬᠡᠬᠦ ᠠᠵᠢᠯ ᠢ ᠴᠢᠩᠭᠠᠳᠬᠠᠨ᠎ᠠ᠃ | ᠬᠤᠳᠠ ᠬᠦᠳᠡᠭᠡ ᠶᠢᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠠᠵᠢᠯ ᠢ ᠰᠠᠶᠢᠳᠤᠷ ᠬᠢᠵᠦ᠂ ᠪᠠᠲᠤᠯᠠᠬᠤ | ᠵᠣᠬᠢᠰᠲᠠᠢ ᠶᠢ ᠨᠢ ᠦᠨᠡᠨᠬᠦ ᠰᠠᠶᠢᠳᠤᠷ ᠪᠠᠳᠤᠯᠠᠨ᠎ᠠ᠃ ᠡᠷᠡᠬᠦᠯ ᠮᠠᠨᠳᠤ ᠶᠢᠨ ᠠᠵᠢᠯ ᠦᠢᠯᠡᠰ ᠢ ᠦᠨᠡᠨᠬᠦ ᠰᠠᠶᠢᠳᠤᠷ | ᠠᠳᠬᠤᠵᠦ᠂ ︽ᠠᠵᠠᠳᠠᠢ︾ ᠪᠡᠶ᠎ᠡ ᠰᠤᠪᠢᠯᠠᠬᠤ ᠬᠦᠷᠢᠶᠡᠯᠡᠩ ᠤᠨ ᠪᠠᠶᠢᠭᠤᠯᠤᠯᠳᠠ ᠶᠢ ᠲᠡᠮᠵᠢᠵᠣ᠂ ᠨᠢᠬᠡᠳᠦᠬᠡᠷ | ᠬᠤᠭᠤᠴᠠᠭᠠᠨ ᠤ ᠪᠠᠷᠢᠯᠭ᠎ᠠ ᠶᠢ 8 ᠰᠠᠷ᠎ᠠ ᠶᠢᠨ ᠡᠬᠢᠨ ᠳᠤ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠬᠠᠮᠤᠭ | ᠳᠤᠤᠷ᠎ᠠ ᠠᠮᠢᠳᠣᠷᠠᠯ ᠤᠨ ᠪᠠᠳᠤᠯᠠᠭ᠎ᠠ ᠶᠢᠨ ᠬᠤᠳᠠ ᠬᠦᠳᠡᠭᠡ ᠶᠢ ᠨᠢᠬᠡᠳᠦᠯᠳᠡᠢ ᠳᠦᠯᠦᠪᠵᠢᠬᠦᠯᠬᠦ ᠳᠤᠷᠰᠢᠯᠳᠠ ᠶᠢᠨ | ᠴᠢᠭ ᠤᠨ ᠠᠵᠢᠯ ᠢ ᠳᠦᠯᠬᠢᠨ ᠠᠬᠢᠭᠤᠯᠵᠦ᠂ ᠳᠦᠷᠦ ᠶᠢᠨ ᠪᠤᠳᠤᠯᠭ᠎ᠠ ᠶᠢ ᠨᠠᠷᠢᠨ ᠤᠨᠤᠪᠴᠢᠳᠠᠢ ᠬᠡᠷᠡᠭᠵᠢᠬᠦᠯᠤᠨ᠂ | ᠠᠮᠢᠳᠤᠯᠢᠭ ᠢᠶᠠᠷ ᠬᠠᠮᠢᠶᠠᠷᠤᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠴᠢᠩᠭᠠᠳᠬᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠭᠡᠷᠡᠴᠢᠯᠡᠯᠳᠠ ᠶᠢ ᠦᠷᠭᠦᠯᠵᠢᠯᠡᠨ ᠭᠦᠨᠵᠡᠭᠡᠶᠢᠷᠠᠭᠦᠯᠵᠥ᠂ ᠠᠯᠪᠠᠨ ᠠᠴᠠ ᠡᠷᠭᠢᠯᠡᠭᠰᠡᠨ ᠡᠮᠨᠡᠯᠭᠡ | ᠶᠢᠨ ᠬᠤᠷᠢᠶᠠᠨ ᠤ ᠡᠭᠦᠳᠤᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠪᠠᠳᠤᠳᠬᠠᠵᠥ᠂ ᠬᠤᠰᠢᠭᠤ ᠡᠮᠨᠡᠯᠭᠡ ᠶᠢᠨ | ᠬᠤᠷᠢᠶ᠎ᠠ ᠪᠠᠷ ᠲᠦᠪ ᠪᠤᠯᠭᠠᠭᠰᠠᠨ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠦ ᠪᠠᠷ ᠬᠤᠯᠪᠤᠭᠠᠯᠠᠭᠰᠠᠨ ᠡᠮ | ᠡᠮᠨᠡᠯᠭᠡ ᠶᠢᠨ ᠰᠦᠯᠵᠢᠶᠡᠨ ᠴᠢᠭ ᠢ ᠡᠷᠢᠯᠬᠢᠯᠡᠵᠦ᠂ ᠰᠢᠨ᠎ᠠ ᠪᠠᠷ ᠪᠠᠶᠢᠭᠤᠯᠤᠭᠰᠠᠨ ᠮᠤᠩᠭᠤᠯ ᠡᠮᠨᠡᠯᠭᠡ ᠶᠢᠨ ᠬᠤᠷᠢᠶᠠᠨ | ᠤ ᠶᠡᠷᠦᠩᠭᠡᠶᠢᠯᠡᠭᠰᠡᠨ ᠠᠰᠠᠷ ᠤᠨ ᠴᠢᠳᠡᠪᠭᠢ ᠶᠢ ᠭᠦᠢᠴᠡᠳ ᠪᠠᠳᠠᠷᠠᠭᠤᠯᠤᠨ᠂ ᠬᠤᠰᠢᠭᠤ ᠲᠡᠰ ᠤᠨ ᠲᠡᠷᠢᠭᠦᠨ ᠤ | ᠮᠤᠩᠭᠤᠯ ᠡᠮᠨᠡᠯᠭᠡ ᠶᠢᠨ ᠬᠤᠷᠢᠶ᠎ᠠ ᠶᠢ ᠡᠬᠦᠳᠦᠨ ᠪᠠᠶᠢᠭᠤᠯᠵᠦ᠂ ᠡᠭᠡ ᠨᠢᠯᠬᠠᠰ ᠤᠨ ᠡᠷᠡᠭᠦᠯ ᠬᠠᠮᠠᠭᠠᠯᠠᠯ ᠤᠨ | ᠬᠤᠷᠢᠶᠠᠨ ᠤ ᠶᠡᠷᠦᠩᠭᠡᠶᠢᠯᠡᠭᠰᠡᠨ ᠠᠰᠠᠷ ᠢ ᠡᠭᠢᠯᠡᠨ ᠪᠠᠶᠢᠭᠤᠯᠤᠨ᠎ᠠ᠃ ᠭᠢᠵᠢᠭ ᠡᠪᠡᠳᠴᠢᠨ ᠢ ᠰᠡᠷᠭᠡᠶᠢᠯᠠᠨ ᠵᠠᠰᠠᠬᠤ | ᠠᠵᠢᠯ ᠤᠨ ᠭᠦᠴᠦᠯᠠᠴᠠ ᠪᠠᠨ ᠴᠢᠩᠭᠠᠳᠬᠵᠤ᠂ ᠨᠡᠶᠢᠭᠡᠮ ᠨᠡᠶᠢᠳᠠ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠬᠤ ᠴᠢᠳᠠᠪᠦᠷᠢ ᠶᠢ ᠲᠡᠭᠡᠭᠰᠢᠯᠡᠭᠦᠯᠤᠨ᠂ ᠬᠦᠨᠳᠤ ᠡᠪᠡᠳᠴᠢᠨ ᠢ ᠠᠪᠤᠷᠠᠨ ᠳᠤᠰᠠᠯᠠᠬᠤ ᠠᠷᠭ᠎ᠠ ᠠᠪᠴᠢᠯ ᠢ | ᠰᠦᠪᠡᠭᠴᠢᠯᠡᠨ᠎ᠡ᠃ ᠰᠤᠮᠤ ᠪᠠᠯᠭᠠᠰᠤ᠂ ᠭᠠᠴᠠᠭᠠᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠦᠭᠦᠴᠡᠯ ᠢ | ᠦᠭᠡᠷᠡᠴᠢᠯᠠᠨ ᠰᠠᠶᠢᠵᠢᠷᠠᠭᠤᠯᠵᠥ᠂ ᠡᠮᠨᠡᠯᠭᠡ ᠶᠢᠨ ᠠᠵᠢᠯᠳᠠᠨ ᠤ ᠪᠤᠯᠪᠠᠰᠤᠷᠠᠯ ᠵᠢᠴᠢ ᠲᠤᠰᠬᠠᠢ ᠮᠡᠷᠭᠡᠵᠢᠯᠳᠠᠨ ᠢ | ᠣᠷᠢᠵᠣ ᠣᠷᠣᠭᠤᠯᠬᠤ ᠵᠣᠬᠢᠴᠠᠮᠵᠢ ᠶᠢ ᠪᠠᠶᠢᠭᠤᠯᠣᠨ᠂ ᠰᠢᠨ᠎ᠠ ᠪᠠᠷ ᠵᠠᠰᠠᠪᠤᠷᠢ ᠤᠷᠤᠭᠤᠯᠤᠭᠰᠠᠨ ᠬᠤᠶᠠᠷ ᠭᠡᠤᠭᠡᠳ | ᠠᠪᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠵᠥ᠂ ᠭᠦᠮᠦᠨ ᠠᠮᠠ ᠶᠢᠨ ᠤᠷᠳᠦ ᠬᠤᠭᠤᠴᠠᠭ᠎ᠠ ᠪᠠᠷ | ᠲᠡᠩᠴᠡᠬᠦᠷᠢᠳᠡᠢ ᠭᠦᠭᠵᠢᠭᠦ ᠶᠢ ᠠᠭᠢᠭᠤᠯᠤᠨ᠎ᠠ᠃ | ︵ᠵᠢᠷᠭᠤᠭ᠎ᠠ︶ ᠠᠵᠤ ᠠᠬᠤᠢ ᠪᠠ ᠠᠮᠢ ᠠᠬᠤᠢ᠂ ᠨᠡᠶᠢᠬᠡᠮ ᠵᠡᠷᠬᠡ ᠬᠦᠷᠢᠶ᠎ᠡ ᠬᠡᠪᠴᠢᠶᠡᠨ ᠤ ᠦᠬᠡᠷᠡᠴᠢᠯᠡᠯᠳᠡ | ᠶᠢᠨ ᠠᠵᠢᠯ ᠢ ᠬᠦᠨᠵᠡᠬᠡᠶᠢᠷᠡᠬᠦᠯᠦᠨ᠎ᠡ᠃ ᠳᠦᠪ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ | ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠦᠬᠡᠷᠡᠴᠢᠯᠡᠯᠳᠡ ᠶᠢᠨ ᠲᠣᠬᠠᠢ ᠪᠠᠶᠢᠷᠢᠯᠠᠭᠤᠯᠳᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠤ ᠠᠬᠤᠢ ᠪᠠ ᠠᠮᠢ ᠠᠬᠤᠢ᠂ | ᠨᠡᠶᠢᠬᠡᠮ ᠵᠡᠷᠬᠡ ᠬᠦᠷᠢᠶ᠎ᠡ ᠬᠡᠪᠴᠢᠶᠡᠨ ᠤ ᠦᠬᠡᠷᠡᠴᠢᠯᠡᠯᠳᠡ ᠶᠢᠨ ᠠᠵᠢᠯ ᠢ ᠳᠠᠰᠤᠷᠠᠯᠳᠠ ᠦᠬᠡᠢ ᠬᠦᠨᠵᠡᠬᠡᠶᠢᠷᠡᠬᠦᠯᠦᠨ᠎ᠡ᠃ | ᠦᠬᠡᠷᠡᠴᠢᠯᠡᠯᠳᠡ ᠶᠢᠨ ᠭᠤᠤᠯᠳᠠᠯᠭ᠎ᠠ ᠶᠢ ᠳᠤᠪᠤᠶᠢᠯᠭᠠᠵᠦ᠂ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠤᠮᠵᠢ | ᠶᠢᠨ ᠦᠬᠡᠷᠡᠴᠢᠯᠡᠯᠳᠡ ᠶᠢ ᠤᠯᠠᠮ ᠨᠢᠬᠡ ᠠᠯᠬᠤᠮ ᠬᠦᠨᠵᠡᠬᠡᠶᠢᠷᠡᠬᠦᠯᠵᠦ᠂ ᠵᠠᠰᠠᠭ ᠤᠨ ᠶᠠᠪᠣᠳᠠᠯ ᠢ ᠴᠤᠮᠬᠠᠳᠬᠠᠨ᠂ | ᠳᠠᠯᠪᠢᠬᠤ ᠬᠠᠮᠢᠶᠠᠷᠬᠤ ᠶᠢ ᠤᠶᠠᠯᠳᠤᠭᠤᠯᠦᠨ᠂ ᠦᠢᠯᠡᠴᠢᠯᠡᠭᠡ ᠶᠢ ᠨᠢ ᠰᠢᠯᠢᠳᠡᠭᠵᠢᠬᠦᠯᠵᠣ᠂ ᠡᠳ᠋ ᠤᠨ ᠵᠠᠰᠠᠭ ᠤᠨ | ᠭᠠᠶᠢᠯᠢ ᠶᠢᠨ ᠪᠠᠶᠢᠭᠤᠯᠤᠮᠵᠢ᠂ ᠮᠠᠯᠵᠢᠬᠤ ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠪᠠ ᠭᠠᠵᠠᠷ | ᠰᠢᠷᠤᠢ ᠶᠢᠨ ᠳᠦᠷᠢᠮ᠂ ᠰᠤᠷᠭᠠᠨ ᠬᠦᠮᠦᠵᠢᠯ ᠤᠨ ᠪᠠᠶᠢᠭᠤᠯᠤᠮᠵᠢ᠂ ᠡᠮ ᠡᠮᠨᠡᠯᠬᠡ ᠡᠷᠡᠬᠦᠯ ᠬᠠᠮᠠᠭᠠᠯᠠᠯ ᠤᠨ | ᠪᠠᠶᠢᠭᠤᠯᠤᠮᠵᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠦᠷᠬᠦᠯᠵᠢᠯᠡᠨ | ᠬᠦᠨᠵᠡᠬᠡᠶᠢᠷᠡᠬᠦᠯᠵᠦ᠂ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠢ ᠳᠡᠬᠦᠯᠳᠡᠷᠵᠢᠬᠦᠯᠦᠨ᠂ ᠰᠢᠨ᠎ᠡ ᠶᠢ ᠡᠬᠦᠳᠬᠦ | ᠬᠦᠭᠵᠢᠯᠳᠡ᠂ ᠵᠤᠬᠢᠴᠠᠩᠭᠤᠢ ᠬᠦᠭᠵᠢᠯᠳᠡ᠂ ᠪᠤᠬᠢᠷᠳᠤᠯ ᠦᠬᠡᠢ ᠬᠦᠭᠵᠢᠯᠳᠡ᠂ ᠨᠡᠬᠡᠬᠡᠯᠳᠡᠳᠤ ᠬᠦᠭᠵᠢᠯᠳᠡ᠂ | ᠬᠠᠮᠳᠤᠪᠠᠷ ᠡᠳ᠋ᠯᠡᠬᠦ ᠬᠦᠭᠵᠢᠯᠳᠡ ᠳᠤ ᠠᠰᠢᠭᠳᠠᠢ ᠪᠠᠶᠢᠭᠤᠯᠤᠮᠵᠢ ᠶᠢᠨ ᠵᠤᠬᠢᠴᠠᠮᠵᠢ ᠶᠢ ᠪᠦᠷᠢᠯᠳᠦᠬᠦᠯᠦᠨ᠎ᠡ᠃ | ᠦᠬᠡᠷᠡᠴᠢᠯᠡᠯᠳᠠ ᠶᠢᠨ ᠲᠣᠷᠰᠢᠯᠳᠠ ᠶᠢᠨ ᠴᠢᠭ ᠤᠨ ᠪᠠᠶᠢᠭᠤᠯᠣᠯᠳᠠ ᠶᠢ ᠠᠬᠢᠭᠤᠯᠵᠣ᠂ ᠲᠣᠷᠰᠢᠯᠭ᠎ᠠ ᠪᠠᠨ ᠳ᠋ᠦᠩᠨᠡᠵᠣ᠂ | ᠲᠣᠷᠰᠢᠯᠳᠠ ᠶᠢᠨ ᠴᠢᠭ ᠤᠨ ᠦᠢᠯᠡᠳᠣᠯ ᠢ ᠨᠢ ᠦᠨᠡᠨᠬᠦ ᠪᠠᠳᠠᠷᠠᠭᠤᠯᠣᠨ᠎ᠠ᠃ | ︵ ᠳᠤᠯᠤᠭ᠎ᠠ︶ ᠵᠦᠷᠢᠴᠠᠯ ᠵᠢᠭᠤᠷᠭᠠᠨ ᠢ ᠤᠯᠠᠨ ᠠᠷᠭ᠎ᠠ ᠬᠡᠯᠪᠡᠷᠢ ᠪᠠᠷ ᠡᠶᠡᠳᠡᠬᠦᠯᠦᠨᠰᠢᠢᠳᠪᠤᠷᠢᠯᠡᠬᠦ | ᠵᠤᠬᠢᠴᠠᠮᠵᠢ ᠶᠢ ᠳᠡᠬᠦᠯᠳᠡᠷᠵᠢᠬᠦᠯᠦᠨ᠂ ᠨᠡᠶᠢᠭᠡᠮ ᠤᠨ ᠡᠶ᠎ᠡ ᠨᠠᠶᠢᠷᠠᠮᠳᠠᠭᠤ ᠲᠤᠭᠳᠠᠭᠤᠨ ᠢ ᠪᠦᠭᠦ ᠭᠦᠴᠦᠨ ᠢᠶᠠᠷ ᠢᠶᠠᠨ | ᠬᠠᠮᠠᠭᠠᠯᠠᠨ᠎ᠠ᠃ ᠵᠦᠷᠢᠴᠠᠯ ᠵᠢᠭᠤᠷᠭᠠᠨ ᠢ ᠪᠠᠶᠢᠴᠠᠭᠠᠨ ᠰᠢᠢᠳᠪᠤᠷᠢᠯᠡᠬᠦ ᠠᠵᠢᠯ ᠢ ᠰᠠᠶᠢᠳᠤᠷ ᠭᠢᠨ᠎ᠠ᠃ ︽ᠭᠤᠷᠪᠠᠨ | ᠲᠠᠯ᠎ᠠ ᠪᠠᠷ ᠡᠶᠡᠳᠡᠬᠦᠯᠬᠦ︾ ︵ᠠᠷᠠᠳ ᠤᠯᠠᠨ ᠤ ᠡᠶᠡᠳᠡᠭᠦᠯᠭᠡ᠂ ᠵᠠᠰᠠᠭ ᠵᠠᠭᠢᠷᠭᠠᠨ ᠤ ᠡᠶᠡᠳᠡᠭᠦᠯᠭᠡ᠂ ᠬᠠᠤᠯᠢ | ᠴᠠᠭᠠᠵᠠ ᠶᠢᠨ ᠡᠶᠡᠳᠡᠭᠦᠯᠭᠡ︶᠂ ︽ᠭᠤᠷᠪᠠᠨ ᠰᠠᠯᠪᠤᠷᠢ ᠨᠢᠬᠡ ᠠᠩᠬᠢ ᠶᠢᠨ ᠬᠠᠮᠳᠤᠷᠠᠯᠴᠠᠭ᠎ᠠ︾ ︵ᠬᠠᠤᠯᠢ ᠴᠠᠭᠠᠵᠠ | ᠶᠢᠨ ᠰᠠᠯᠪᠦᠷᠢ᠂ ᠲᠤᠮᠢᠯᠠᠭᠰᠠᠨ ᠰᠠᠯᠪᠦᠷᠢ᠂ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠳᠠ ᠶᠢᠨ ᠰᠠᠯᠪᠦᠷᠢ᠂ ᠲᠠᠯ᠎ᠠ | ᠨᠤᠳᠤᠭ ᠤᠨ ᠶᠡᠷᠦᠩᠬᠡᠶᠢᠯᠡᠭᠰᠡᠨ ᠬᠠᠣᠯᠢ ᠭᠡᠷᠡᠭᠵᠢᠬᠦᠯᠬᠦ ᠲᠣᠮᠳᠠ ᠠᠩᠬᠢ︶ ᠶᠢ ᠤᠯᠠᠮ ᠨᠢᠬᠡ ᠠᠯᠬᠤᠮ | ᠳᠡᠬᠦᠯᠳᠡᠷᠵᠢᠬᠦᠯᠵᠦ᠂ ᠡᠯ᠎ᠡ ᠡᠬᠦᠷᠬᠡ ᠴᠢᠳᠠᠪᠬᠢ ᠪᠦᠬᠦᠢ ᠰᠠᠯᠠᠭ᠎ᠠ ᠮᠦᠴᠢᠷ ᠤᠨ ᠬᠠᠤᠯᠢ ᠶᠤᠰᠤᠭᠠᠷ ᠵᠦᠷᠢᠴᠡᠯ | ᠵᠢᠭᠤᠷᠭᠠᠨ ᠢ ᠡᠶᠡᠳᠡᠬᠦᠯᠬᠦ ᠠᠵᠢᠯ ᠢ ᠠᠬᠢᠭᠤᠯᠵᠦ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ | ᠪᠠᠶᠢᠭᠤᠯᠤᠯᠭ᠎ᠠ ᠨᠢᠬᠡᠴᠡ ᠵᠢᠴᠢ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠳᠠᠶᠢᠴᠢᠯᠠᠨ᠂ ᠵᠦᠷᠢᠴᠡᠯ ᠵᠢᠭᠤᠷᠭᠠᠨ ᠢ | ᠡᠶᠡᠳᠡᠬᠦᠯᠦᠨ ᠰᠢᠢᠳᠪᠤᠷᠢᠯᠡᠬᠦ ᠠᠵᠢᠯ ᠳᠤ ᠤᠷᠤᠯᠴᠠᠭᠤᠯᠤᠨ᠎ᠠ᠃ ᠡᠭᠢ ᠡᠭᠦᠰᠥᠯ ᠠᠴᠠ ᠨᠢ ᠵᠠᠰᠠᠬᠤ᠂ ᠤᠷᠢᠳᠴᠢᠯᠠᠨ | ᠰᠡᠷᠭᠡᠶᠢᠯᠡᠭᠦ ᠶᠢ ᠴᠢᠬᠤᠯᠠᠴᠢᠯᠠᠨ᠂ ᠠᠰᠠᠭᠤᠳᠠᠯ ᠢ ᠦᠨᠳᠦᠰᠦᠨ ᠱᠠᠳᠤ᠂ ᠰᠤᠶᠤᠭᠠᠯᠠᠯ ᠤᠨ ᠪᠠᠶᠢᠳᠠᠯ ᠳᠤᠨᠢ | ᠰᠶᠢᠳᠪᠦᠷᠢᠯᠠᠵᠣ᠂ ᠤᠯᠠᠨ ᠲᠦᠮᠡᠨᠴᠢ ᠴᠢᠨᠠᠷᠳᠠᠢ ᠭᠡᠷᠡᠭ ᠤᠴᠢᠷ ᠪᠡ ᠬᠤᠪᠢ ᠭᠦᠮᠦᠨ ᠤ ᠲᠡᠷᠰᠡᠯᠡᠭᠦᠦ ᠭᠡᠷᠡᠭ ᠤᠴᠢᠷ | ᠭᠠᠷᠬᠤ ᠶᠢ ᠴᠢᠩᠭ᠎ᠠ ᠰᠡᠷᠭᠡᠶᠢᠯᠡᠨ᠎ᠠ᠃ ᠵᠠᠭᠢᠳᠠᠯ ᠰᠤᠷᠪᠤᠯᠵᠢᠯᠠᠭ᠎ᠠ ᠶᠢᠨ ᠠᠵᠢᠯ ᠢ ᠦᠷᠬᠦᠯᠵᠢᠯᠡᠨ ᠴᠢᠩᠭᠠᠳᠬᠠᠨ᠎ᠠ᠃ | ᠤᠳᠤᠷᠢᠳᠬᠤ ᠺᠠᠳ᠋ᠷ ᠤᠨ ᠲᠤᠭᠳᠠᠭᠰᠠᠨ ᠬᠤᠭᠤᠴᠠᠭ᠎ᠠ ᠲᠠᠢ ᠪᠠᠷ ᠵᠠᠭᠢᠳᠠᠯ ᠰᠤᠷᠪᠤᠯᠵᠢᠯᠠᠭ᠎ᠠ ᠬᠦᠯᠢᠶᠡᠨ ᠠᠪᠬᠤ | ᠲᠦᠷᠢᠮ ᠢ ᠴᠢᠩᠭ᠎ᠠ ᠭᠡᠷᠡᠭᠵᠢᠭᠦᠯᠵᠥ᠂ ᠲᠤᠤᠷ ᠰᠦᠯᠵᠢᠶᠠᠨ ᠤ ᠵᠠᠭᠢᠳᠠᠯ ᠰᠤᠷᠪᠤᠯᠵᠢᠯᠠᠭ᠎ᠠ ᠶᠢᠨ ᠠᠵᠢᠯ ᠢ ᠢᠳᠡᠪᠭᠢᠳᠠᠢ | ᠲᠦᠯᠭᠢᠨ ᠠᠭᠢᠭᠤᠯᠤᠨ᠎ᠠ᠃ ᠵᠠᠭᠢᠳᠠᠯ ᠰᠤᠷᠪᠤᠯᠵᠢᠯᠠᠭ᠎ᠠ ᠶᠢᠨ ᠬᠤᠷᠠᠮᠳᠤᠭᠰᠠᠨ ᠭᠡᠷᠡᠭ ᠤᠴᠢᠷ ᠢ ᠰᠶᠢᠳᠪᠦᠷᠢᠯᠡᠭᠦ | ᠲᠤᠰᠬᠠᠢ ᠠᠵᠢᠯᠯᠠᠭ᠎ᠠ ᠶᠠᠪᠤᠭᠳᠠᠭᠤᠯᠵᠥ᠂ ᠬᠠᠤᠯᠢ ᠪᠠᠷ ᠵᠠᠰᠠᠬᠤ ᠰᠡᠳᠭᠢᠭᠦᠢ ᠪᠤᠯᠤᠨ ᠬᠠᠤᠯᠢ ᠪᠠᠷ ᠵᠠᠰᠠᠬᠤ ᠠᠷᠭ᠎ᠠ | ᠪᠠᠷᠢᠯ ᠢ ᠴᠢᠳᠠᠮᠠᠭᠠᠢ ᠭᠡᠷᠡᠭᠯᠡᠵᠥ᠂ ᠭᠤᠤᠯᠳᠠᠯᠭ᠎ᠠ ᠲᠠᠢ ᠭᠦᠷᠢᠶ᠎ᠡ ᠭᠡᠪᠴᠢᠶ᠎ᠡ ᠪᠤᠯᠤᠨ ᠭᠤᠤᠯᠳᠠᠯᠭ᠎ᠠ ᠲᠠᠢ ᠭᠥᠮᠥᠰ ᠤᠨ | ᠵᠠᠭᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠳᠤᠷ ᠬᠢᠨ᠎ᠠ᠃ ᠠᠮᠦᠷ ᠠᠮᠤᠭᠤᠯᠠᠩ ᠤᠨ ᠴᠤᠭᠴᠠᠯᠠᠯᠳᠠ ᠶᠢᠨ ᠠᠵᠢᠯ ᠢ | ᠯᠠᠪᠳᠠᠭᠤᠨ ᠦᠷᠨᠢᠬᠦᠯᠦᠨ᠎ᠡ᠃ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠬᠠᠤᠯᠢ ᠠᠴᠠ ᠵᠦᠷᠢᠴᠡᠭᠰᠡᠳ ᠲᠤ ᠴᠤᠬᠢᠯᠳᠠ ᠦᠭᠴᠦ᠂ ᠳᠦᠷᠢᠮ ᠠᠴᠠ ᠵᠦᠷᠢᠴᠡᠭᠰᠡᠳ ᠢ | ᠵᠠᠰᠠᠨ ᠴᠡᠭᠴᠡᠯᠡᠬᠦ ᠶᠢ ᠴᠢᠩᠭᠠᠳᠬᠠᠵᠦ᠂ ︽ᠳᠦᠷᠪᠡᠨ ᠦᠬᠡᠢ ᠬᠤᠶᠠᠷ ᠰᠢᠭᠤᠳ︾ ᠠᠵᠢᠯ ᠤᠨ ᠤᠪᠤᠷ ᠢᠶᠠᠷ | ᠠᠶᠤᠯᠳᠠᠢ ᠬᠢᠮᠢ ᠶᠢᠨ ᠪᠤᠳᠠᠰ᠂ ᠠᠭᠤᠷᠬᠠᠢ᠂ ᠤᠯᠠᠨ ᠬᠦᠮᠦᠨ ᠴᠤᠭᠯᠠᠷᠠᠭᠰᠠᠨ ᠳᠠᠯᠠᠪᠤᠷ᠂ ᠦᠩᠬᠡᠳᠤ ᠳᠡᠮᠦᠷᠯᠢᠭ | ᠬᠠᠶᠢᠯᠤᠭᠤᠯᠬᠤ᠂ ᠵᠠᠮ ᠬᠠᠷᠢᠯᠴᠠᠭ᠎ᠠ᠂ ᠪᠠᠷᠢᠯᠭ᠎ᠠ᠂ ᠠᠷᠠᠳ ᠤᠨ ᠬᠡᠷᠡᠭᠯᠡᠬᠡᠨ ᠤ ᠳᠡᠯᠪᠡᠴᠢᠬᠦ ᠪᠤᠳᠠᠰ ᠵᠡᠷᠬᠡ | ᠭᠤᠤᠯᠳᠠᠯᠭ᠎ᠠ ᠲᠠᠢ ᠠᠵᠢᠯ ᠳᠦᠷᠦᠯ ᠤᠨ ᠬᠡᠪᠴᠢᠶᠡᠨ ᠳᠠᠬᠢ ᠳᠤᠰᠬᠠᠢ ᠳᠦᠷᠦᠯ ᠤᠨ ᠴᠡᠭᠴᠡᠯᠡᠨ ᠵᠠᠰᠠᠯᠳᠠ ᠪᠠᠨ | ᠴᠢᠩᠭᠠᠳᠬᠠᠵᠦ᠂ ᠤᠨᠴᠠ ᠶᠡᠭᠡ ᠠᠶᠤᠯᠬᠦᠢ ᠦᠢᠯᠡᠳᠪᠤᠷᠢᠯᠡᠯ ᠤᠨ ᠬᠡᠷᠡᠭ ᠤᠴᠢᠷ ᠭᠠᠷᠬᠤ ᠶᠢ ᠡᠷᠡᠰ ᠬᠤᠷᠢᠭᠯᠠᠨ᠎ᠠ᠃ | ᠢᠳᠡᠬᠡᠨ ᠤᠮᠳᠠᠭᠠᠨ᠂ ᠡᠮ ᠤᠨ ᠵᠦᠢᠯᠡᠰ ᠤᠨ ᠵᠠᠬ᠎ᠠ ᠳᠡᠯᠬᠡᠬᠦᠷ ᠤᠨ ᠬᠠᠮᠢᠶᠠᠷᠤᠯᠳᠠ ᠶᠢᠨ ᠡᠷᠴᠢᠮ ᠢᠶᠠᠨ | ᠴᠢᠩᠭᠠᠳᠬᠠᠵᠦ᠂ ᠤᠯᠠᠨ ᠳᠦᠮᠡᠨ ᠤ ᠢᠳᠡᠬᠡᠨ ᠤᠮᠳᠠᠭᠠᠨ᠂ ᠡᠮ ᠳᠠᠩ ᠬᠡᠷᠡᠭᠯᠡᠬᠦ ᠳᠤ ᠠᠶᠤᠯᠬᠦᠢ ᠶᠢ ᠪᠠᠳᠤᠯᠠᠨ᠎ᠠ᠃ | ᠨᠡᠶᠢᠬᠡᠮ ᠤᠨ ᠠᠮᠤᠷ ᠢ ᠬᠠᠮᠠᠭᠠᠯᠠᠨ ᠰᠡᠷᠬᠡᠶᠢᠯᠡᠬᠦ ᠰᠢᠰᠲ᠋ᠧᠮ ᠢ ᠳᠡᠬᠦᠯᠳᠡᠷᠵᠢᠬᠦᠯᠵᠦ᠂ ᠲᠣᠭᠤᠷᠢᠨ ᠴᠠᠭᠳᠠᠬᠤ | ᠬᠦᠴᠦᠯᠡᠴᠡ ᠪᠠᠨ ᠨᠡᠮᠡᠭᠳᠡᠬᠦᠯᠦᠨ᠂ ︽ᠪᠤᠯᠢᠶᠠᠬᠤ᠂ ᠳᠤᠨᠤᠬᠤ᠂ ᠬᠤᠯᠠᠭᠠᠶᠢᠯᠠᠬᠤ︾ ᠠᠵᠢᠯᠯᠠᠭ᠎ᠠ ᠳᠤ ᠴᠢᠩᠭ᠎ᠠ | ᠴᠤᠬᠢᠯᠳᠠ ᠦᠭᠴᠦ᠂ ᠦᠷᠬᠡᠨ ᠣᠯᠠᠨ ᠲᠦᠮᠡᠨ ᠤ ᠠᠮᠢ ᠨᠠᠰᠣ ᠡᠳ᠋ ᠬᠦᠷᠦᠩᠬᠡ ᠶᠢᠨ ᠠᠶᠣᠯᠬᠦᠢ ᠪᠠᠶᠢᠬᠤ ᠶᠢ | ᠪᠠᠳᠣᠯᠠᠨ᠎ᠠ᠃ ᠳᠤᠤᠷ ᠰᠦᠯᠵᠢᠶ᠎ᠡ ᠳᠤ ᠬᠢᠨᠠᠯᠳᠠ ᠳᠠᠯᠪᠢᠬᠤ ᠪᠠ ᠶᠠᠷᠢᠶ᠎ᠡ ᠬᠡᠯᠡᠯᠴᠡᠭᠡ ᠶᠢ ᠵᠢᠯᠤᠭᠤᠳᠤᠨ ᠳᠠᠭᠠᠭᠤᠯᠬᠤ | ᠪᠠᠨ ᠠᠩᠬᠠᠷᠤᠨ᠎ᠠ᠃ ᠳᠤᠤᠷ ᠰᠦᠯᠵᠢᠶ᠎ᠡ ᠶᠢ ᠬᠠᠤᠯᠢ ᠶᠤᠰᠤᠭᠠᠷ ᠰᠠᠶᠢᠳᠤᠷ ᠬᠠᠮᠢᠶᠠᠷᠤᠨ ᠠᠰᠢᠭᠯᠠᠵᠦ᠂ ᠪᠤᠯᠪᠠᠰᠤᠨ | ᠶᠤᠰᠤᠷᠬᠠᠭ᠂ ᠦᠨᠡᠨᠴᠢ ᠢᠳᠡᠬᠡᠯᠳᠡᠢ᠂ ᠡᠶ᠎ᠡ ᠵᠤᠬᠢᠴᠠᠩᠭᠤᠢ ᠳᠤᠤᠷ ᠰᠦᠯᠵᠢᠶᠡᠨ ᠤ ᠤᠷᠴᠢᠨ ᠳᠤᠭᠤᠷᠢᠨ ᠢ | ᠴᠤᠭᠴᠠᠯᠠᠨ ᠪᠠᠶᠢᠭᠤᠯᠣᠨ᠎ᠠ᠃ ᠬᠠᠮᠢᠶᠠᠷᠤᠯᠳᠠ ᠶᠢᠨ ᠠᠷᠭ᠎ᠠ ᠪᠠᠨ ᠳᠡᠬᠦᠯᠳᠡᠷᠵᠢᠬᠦᠯᠦᠨ᠂ ᠳᠤᠤᠷ ᠰᠦᠯᠵᠢᠶᠡᠨ | ᠳᠡᠬᠡᠷᠡᠬᠢ ᠶᠠᠷᠢᠶ᠎ᠠ ᠬᠡᠯᠡᠯᠴᠡᠬᠡᠨ ᠤ ᠪᠠᠶᠢᠳᠠᠯ ᠢ ᠢᠳᠡᠪᠬᠢᠳᠡᠢ ᠬᠠᠷᠢᠭᠤᠯᠤᠨ᠂ ᠶᠡᠷᠤᠩᠬᠡᠢ ᠳᠤᠨᠢ ᠵᠠᠳᠠᠯᠣᠯᠳᠠ ᠬᠢᠵᠣ᠂ | ᠳᠤᠬᠢᠳᠠᠢ ᠰᠢᠢᠳᠪᠤᠷᠢᠯᠡᠨ᠂ ᠬᠠᠨᠳᠤᠯᠠᠭᠠᠳᠣ ᠴᠢᠨᠠᠷᠳᠠᠢ᠂ ᠰᠤᠶᠤᠭᠠᠯᠠᠯ ᠤᠨ ᠴᠢᠨᠠᠷᠳᠠᠢ ᠠᠰᠠᠭᠤᠳᠠᠯ ᠢ ᠡᠷᠳᠡ | ᠢᠯᠡᠷᠡᠬᠦᠯᠦᠨ᠂ ᠡᠷᠳᠡ ᠵᠢᠯᠤᠭᠤᠳᠤᠨ ᠳᠠᠭᠠᠭᠤᠯᠵᠦ᠂ ᠡᠷᠳᠡ ᠰᠢᠢᠳᠪᠤᠷᠢᠯᠡᠨ᠎ᠡ᠃ ᠬᠤᠶᠠᠷ ᠢ ᠬᠦᠷᠢᠶᠡᠯᠡᠬᠦ ᠬᠠᠮᠳᠤᠪᠠᠷ | ᠪᠠᠶᠢᠭᠤᠯᠬᠤ ᠠᠵᠢᠯ ᠢ ᠴᠢᠩᠭᠠᠳᠬᠠᠵᠦ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠤᠨ ᠬᠡᠷ ᠪᠦᠯᠢ ᠶᠢ | ᠬᠠᠷᠠᠭᠠᠯᠵᠠᠬᠤ ᠠᠵᠢᠯ ᠤᠨ ᠴᠢᠨᠠᠷ ᠴᠢᠨᠰᠠᠭ᠎ᠠ ᠪᠠ ᠬᠢᠷᠢ ᠳᠦᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠵᠦ᠂ | ᠴᠡᠷᠢᠭ ᠠᠷᠠᠳ ᠬᠠᠮᠳᠤᠪᠠᠷ ᠬᠦᠭᠵᠢᠬᠦ ᠶᠢ ᠪᠠᠬᠢᠵᠢᠬᠦᠯᠦᠨ᠎ᠡ᠃ | ︵ᠨᠠᠢᠮᠠ︶ ᠵᠠᠰᠠᠭ ᠤᠨ ᠤᠷᠳᠤᠨ ᠤ ᠡᠬᠦᠷᠬᠡ ᠴᠢᠳᠠᠪᠬᠢ ᠪᠠᠨ ᠬᠤᠪᠢᠷᠠᠭᠤᠯᠬᠤ ᠶᠢ ᠪᠦᠬᠦ ᠬᠦᠴᠦᠨ ᠢᠶᠠᠷ | ᠢᠶᠠᠨ ᠳᠦᠯᠬᠢᠨ ᠠᠬᠢᠭᠤᠯᠵᠦ᠂ ᠦᠢᠯᠡᠴᠢᠯᠡᠬᠡᠨ ᠤ ᠬᠠᠮᠢᠶᠠᠷᠤᠯᠳᠠ ᠶᠢᠨ ᠳᠦᠪᠰᠢᠨ ᠢ ᠳᠠᠰᠤᠷᠠᠯᠳᠠ ᠦᠬᠡᠢ | ᠳᠡᠬᠡᠭᠰᠢᠯᠡᠬᠦᠯᠦᠨ᠎ᠡ᠃ ᠳᠦᠪ ᠭᠤᠤᠯᠴᠢ᠂ ᠠᠷᠢᠭᠤᠨ ᠴᠢᠬᠡᠴᠢ᠂ ᠦᠨᠳᠦᠷ ᠦᠷ᠎ᠡ ᠪᠦᠳᠦᠮᠵᠢᠳᠤ᠂ ᠬᠠᠤᠯᠢᠵᠢᠭᠰᠡᠨ | ᠵᠠᠰᠠᠭ ᠤᠨ ᠤᠷᠳᠤᠨ ᠢ ᠡᠬᠦᠳᠦᠨ᠂ ᠵᠠᠰᠠᠭ ᠤᠨ ᠤᠷᠳᠤᠨ ᠤ ᠠᠵᠢᠯᠯᠠᠭ᠎ᠠ ᠨᠢ ᠬᠠᠤᠯᠢ ᠪᠠᠷ ᠵᠠᠰᠠᠬᠤ ᠬᠦᠷᠢᠶ᠎ᠡ | ᠬᠡᠪᠴᠢᠶᠡᠨ ᠳᠤ ᠦᠷᠨᠢᠵᠦ᠂ ᠬᠠᠤᠯᠢ ᠪᠠᠷ ᠵᠠᠰᠠᠬᠤ ᠵᠠᠮ ᠱᠤᠭᠤᠮ ᠢᠶᠠᠷ ᠵᠠᠮᠨᠠᠬᠤ ᠶᠢ ᠪᠠᠳᠤᠯᠠᠨ᠎ᠠ᠃ ᠬᠠᠤᠯᠢ | ᠶᠤᠰᠤᠭᠠᠷ ᠬᠤᠰᠢᠭᠤ ᠪᠠᠨ ᠵᠠᠰᠠᠬᠤ ᠪᠠ ᠰᠢᠨᠵᠢᠯᠡᠬᠦ ᠤᠬᠠᠨᠭᠠᠴᠢ ᠪᠠᠷ ᠵᠠᠰᠠᠭ ᠶᠠᠪᠣᠭᠤᠯᠬᠤ ᠪᠠᠨ ᠴᠢᠩᠭᠠᠳᠬᠠᠨ᠎ᠠ᠃ | ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ ᠳᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠦᠨ᠂ | ᠨᠢᠬᠡᠳᠦᠬᠡᠷ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠳᠤᠭᠤᠷᠢᠨ ᠪᠠᠶᠢᠴᠠᠭᠠᠯᠳᠠ ᠶᠢᠨ | ᠵᠠᠰᠠᠨ ᠴᠡᠭᠴᠡᠯᠡᠬᠦ ᠠᠷᠭ᠎ᠠ ᠠᠪᠴᠢᠯ ᠢ ᠪᠦᠬᠦ ᠲᠠᠯ᠎ᠠ ᠪᠠᠷ ᠳᠤᠤᠱᠯᠠᠭᠤᠯᠤᠨ᠂ ᠠᠷᠢᠭᠤᠨ ᠴᠢᠬᠡᠴᠢ ᠪᠠᠷ ᠵᠠᠰᠠᠭ | ᠶᠠᠪᠤᠭᠤᠯᠬᠤ ᠴᠤᠭᠴᠠᠯᠠᠯᠳᠠ ᠶᠢ ᠬᠦᠨᠵᠡᠬᠡᠢ ᠠᠬᠢᠭᠤᠯᠤᠨ᠎ᠠ᠃ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠰᠠᠨᠠᠯ ᠰᠠᠨᠠᠭᠤᠯᠭ᠎ᠠ᠂ ᠤᠯᠤᠰ ᠳᠦᠷᠦ ᠶᠢᠨ ᠵᠦᠪᠯᠡᠯᠬᠡᠨ ᠤ ᠳᠤᠷᠠᠳᠤᠯᠭ᠎ᠠ ᠶᠢ ᠪᠦᠳᠦᠮᠵᠢᠳᠠᠢ ᠬᠦᠢᠴᠡᠳᠬᠡᠵᠣ᠂ ᠡᠯ᠎ᠡ | ᠡᠳᠡᠬᠡᠳ ᠤᠨ ᠬᠦᠮᠦᠰ ᠤᠨ ᠰᠠᠨᠠᠯ ᠰᠠᠨᠠᠭᠤᠯᠭ᠎ᠠ ᠶᠢ ᠤᠯᠠᠨ ᠠᠷᠭ᠎ᠠ ᠵᠠᠮ ᠢᠶᠠᠷ ᠰᠤᠨᠤᠰᠴᠦ᠂ ᠵᠠᠰᠠᠭ ᠤᠨ ᠤᠷᠳᠤᠨ ᠤ | ᠬᠠᠤᠯᠢ ᠲᠦᠷᠢᠮᠵᠢᠭᠰᠡᠨ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠡ᠃ ᠬᠠᠤᠯᠢ ᠪᠠᠷ ᠵᠠᠰᠠᠬᠤ ᠰᠠᠳᠬᠢᠴᠡ | ᠪᠠ ᠠᠷᠭ᠎ᠠ ᠬᠡᠯᠪᠡᠷᠢ ᠪᠠᠷ ᠡᠬᠦᠷᠬᠡ ᠳᠤᠰᠢᠶᠠᠯ ᠢᠶᠠᠨ ᠬᠦᠢᠴᠡᠳᠬᠡᠵᠣ᠂ ᠳᠦᠪ ᠭᠤᠤᠯᠴᠢ ᠪᠤᠯᠪᠠᠰᠤᠨ ᠢᠶᠠᠷ ᠬᠠᠤᠯᠢ | ᠬᠡᠷᠡᠭᠵᠢᠬᠦᠯᠬᠦ ᠶᠢ ᠳᠦᠷᠢᠮᠵᠢᠬᠦᠯᠦᠨ ᠴᠢᠩᠭᠠᠳᠬᠠᠵᠦ᠂ ᠳᠦᠪ ᠭᠤᠤᠯᠴᠢ ᠰᠢᠳᠤᠷᠭᠤ ᠶᠤᠰᠤ ᠶᠢ ᠦᠨᠡᠨᠬᠦ ᠬᠠᠮᠠᠭᠠᠯᠠᠨ᠎ᠠ | ᠃ ᠬᠠᠤᠯᠢ ᠶᠤᠰᠤᠭᠠᠷ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠦ᠂ ᠬᠠᠤᠯᠢ ᠴᠠᠭᠠᠵᠠ ᠶᠢᠨ ᠡᠬᠦᠷᠬᠡᠯᠡᠪᠡᠰᠤ | ᠵᠤᠬᠢᠬᠤ ᠬᠠᠷᠢᠭᠤᠴᠠᠯᠭ᠎ᠠ ᠶᠢ ᠳᠦᠷᠢᠮᠵᠢᠬᠦᠯᠬᠦ ᠱᠠᠭᠠᠷᠳᠠᠯᠭ᠎ᠠ ᠶᠤᠰᠤᠭᠠᠷ ᠬᠠᠤᠯᠢ ᠴᠠᠭᠠᠵᠠ ᠶᠢᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠦᠨ᠂ ᠠᠵᠢᠯ ᠤᠨ ᠡᠬᠦᠷᠬᠡ ᠳᠤᠰᠢᠶᠠᠯ ᠤᠨ ᠶᠠᠯ᠎ᠠ ᠬᠢᠬᠦ ᠶᠢ ᠰᠡᠷᠬᠡᠶᠢᠯᠡᠬᠦ ᠪᠠ ᠰᠡᠷᠡᠮᠵᠢᠯᠡᠬᠦᠯᠬᠦ | ᠰᠤᠷᠭᠠᠨ ᠬᠦᠮᠦᠵᠢᠯ ᠤᠨ ᠠᠵᠢᠯ ᠢ ᠴᠢᠩᠭᠠᠳᠬᠠᠨ᠎ᠠ᠃ ᠤᠯᠠᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ | ᠳᠠᠪᠴᠠᠩ ᠤᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ᠤᠯᠠᠨ ᠨᠡᠶᠢᠳᠡ ᠶᠢᠨ ᠡᠬᠢ ᠪᠠᠶᠠᠯᠢᠭ ᠤᠨ | ᠰᠤᠯᠢᠯᠴᠠᠭᠠᠨ ᠤ ᠳᠠᠪᠴᠠᠩ ᠢ ᠡᠯᠧᠷᠲᠷᠤᠨᠵᠢᠭᠤᠯᠬᠤ ᠶᠢ ᠦᠨᠳᠦᠰᠦᠨ ᠳᠡᠭᠡᠨ ᠪᠡᠶᠡᠯᠡᠬᠦᠯᠦᠨ᠎ᠡ᠃ ᠤᠬᠢ ᠰᠠᠶᠢᠨ | ᠠᠵᠢᠯ ᠤᠨ ᠬᠡᠪ ᠰᠤᠷᠳᠠᠯ ᠢᠶᠠᠷ ᠨᠠᠶᠢᠳᠠᠪᠤᠷᠢᠵᠢᠭᠤᠯᠤᠯᠳᠠ ᠶᠢ ᠠᠬᠢᠭᠤᠯᠵᠦ᠂ ᠪᠦᠭᠦ ᠵᠢᠯ ᠤᠨ ᠡᠭᠦᠷᠭᠡ ᠬᠠᠷᠠᠯᠳᠠ ᠪᠠᠨ | ᠦᠨᠡᠨᠬᠦ ᠪᠡᠶᠡᠯᠡᠭᠦᠯᠭᠦ ᠶᠢ ᠪᠠᠳᠤᠯᠠᠨ᠎ᠠ᠃ ᠠᠵᠢᠯ ᠤᠨ ᠦᠷ᠎ᠡ ᠠᠰᠢᠭ ᠤᠨ ᠬᠢᠨᠠᠨ ᠪᠠᠶᠢᠴᠠᠭᠠᠯᠳᠠ ᠶᠢ ᠴᠢᠩᠭᠠᠳᠬᠠᠵᠦ᠂ | ᠦᠷ᠎ᠡ ᠠᠰᠢᠭ ᠤᠨ ᠬᠠᠷᠢᠭᠤᠴᠠᠯᠭ᠎ᠠ ᠠᠰᠠᠭᠤᠬᠤ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦᠯᠬᠦ | ᠳᠦᠷᠦᠯ ᠵᠦᠢᠯ ᠢ ᠴᠤᠮᠬᠠᠳᠬᠠᠵᠦ᠂ ᠠᠵᠢᠯ ᠤᠨ ᠶᠠᠪᠤᠴᠠ ᠶᠢ ᠨᠢ ᠳᠦᠬᠦᠮᠴᠢᠯᠡᠨ᠂ ᠦᠷ᠎ᠡ ᠪᠦᠳᠦᠮᠵᠢ ᠶᠢ ᠨᠢ | ᠳᠡᠬᠡᠭᠰᠢᠯᠡᠬᠦᠯᠦᠨ᠎ᠡ᠃ 2016 ᠤᠨ ᠤ ᠡᠯ᠎ᠡ ᠡᠭᠦᠷᠭᠡ ᠬᠠᠷᠠᠯᠳᠠ ᠶᠢᠨ ᠳᠤᠭᠤᠷᠢᠨ ᠳᠤ ᠨᠠᠷᠢᠨ ᠲᠠᠩᠰᠠ ᠡᠪᠭᠡᠮᠡᠯ ᠢ | ᠪᠠᠶᠢᠭᠤᠯᠤᠨ ᠪᠦᠷᠢᠨᠰᠢᠭᠦᠯᠵᠥ᠂ ᠬᠦᠴᠦᠳᠡᠢ ᠠᠷᠭ᠎ᠠ ᠪᠠᠷᠢᠯ ᠢᠶᠠᠷ ᠡᠯ᠎ᠡ ᠡᠭᠦᠷᠭᠡ ᠬᠠᠷᠠᠯᠳᠠ ᠪᠠᠨ ᠠᠮᠵᠢᠯᠳᠠᠳᠠᠢ | ᠪᠡᠶᠡᠯᠡᠭᠦᠯᠭᠦ ᠶᠢ ᠪᠠᠳᠤᠯᠠᠨ᠎ᠠ᠃ ᠦᠷᠭᠡᠨ ᠤᠯᠠᠨ ᠺᠠᠳ᠋ᠷ ᠠᠵᠢᠯᠳᠠᠨ ᠤ ᠤᠯᠤᠰ ᠳᠦᠷᠦ ᠶᠢᠨ ᠲᠠᠨᠢᠯᠳᠠ᠂ ᠶᠡᠭᠡ ᠲᠠᠯ᠎ᠠ | ᠶᠢᠨ ᠳᠠᠨᠢᠯᠳᠠ᠂ ᠭᠤᠤᠯᠳᠠᠯᠭᠠᠳᠤ ᠳᠠᠨᠢᠯᠳᠠ᠂ ᠨᠢᠬᠡᠳᠦᠯᠳᠡᠢ ᠳᠠᠨᠢᠯᠳᠠ ᠶᠢ ᠤᠯᠠᠮ ᠨᠢᠭᠡ ᠠᠯᠬᠤᠮ ᠴᠢᠩᠭᠠᠳᠬᠠᠵᠥ᠂ | ᠡᠯ᠎ᠡ ᠰᠤᠮᠤ ᠪᠠᠯᠭᠠᠰᠦ᠂ ᠪᠠᠶᠢᠭᠤᠯᠭ᠎ᠠ ᠨᠢᠭᠡᠴᠠ ᠶᠢᠨ ᠭᠤᠤᠯ ᠬᠠᠷᠢᠭᠤᠴᠠᠯᠭᠠᠳᠠᠨ ᠨᠢ ᠨᠢᠭᠡᠳᠦᠭᠡᠷ ᠬᠠᠷᠢᠭᠤᠴᠠᠯᠭᠠᠳᠠᠨ | ᠤ ᠡᠭᠦᠷᠭᠡ ᠬᠠᠷᠢᠭᠤᠴᠠᠯᠭ᠎ᠠ ᠪᠠᠨ ᠲᠤᠤᠱᠯᠠᠭᠤᠯᠵᠥ᠂ ᠬᠦᠴᠦ ᠪᠠᠨ ᠲᠦᠪᠯᠡᠷᠡᠭᠦᠯᠥᠨ᠂ ᠠᠵᠤ ᠠᠬᠤᠢ ᠨᠡᠶᠢᠭᠡᠮ ᠤᠨ | ᠭᠦᠭᠵᠢᠯᠳᠠ ᠶᠢᠨ ᠡᠯ᠎ᠡ ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠰᠠᠶᠢᠳᠤᠷ ᠠᠳᠬᠤᠵᠥ᠂ ᠦᠨᠡᠨ ᠠᠴᠠ ᠵᠦᠪ ᠢ | ᠡᠷᠢᠭᠦ ᠵᠤᠷᠢᠭ ᠰᠠᠨᠠᠭ᠎ᠠ ᠪᠠᠷ ᠡᠯ᠎ᠡ ᠳᠦᠷᠦᠯ ᠤᠨ ᠡᠭᠦᠷᠭᠡ ᠬᠠᠷᠢᠭᠤᠴᠠᠯᠭ᠎ᠠ ᠪᠠᠨ ᠲᠤᠤᠱᠯᠠᠭᠤᠯᠤᠨ᠎ᠠ᠃ ᠠᠵᠤ ᠠᠬᠤᠢ᠂ | ᠨᠡᠶᠢᠭᠡᠮ᠂ ᠰᠤᠶᠤᠯ᠂ ᠠᠮᠢ ᠠᠬᠤᠢ ᠶᠢᠨ ᠪᠤᠯᠪᠠᠰᠤᠨ ᠵᠡᠷᠭᠡ ᠡᠯ᠎ᠡ ᠭᠦᠷᠢᠶ᠎ᠡ ᠭᠡᠪᠴᠢᠶᠠᠨ ᠳᠠᠬᠢ ᠦᠭᠡᠷᠡᠴᠢᠯᠡᠯᠳᠠ ᠶᠢᠨ | ᠠᠵᠢᠯ ᠢ ᠯᠠᠪᠳᠠᠭᠤᠨ ᠠᠭᠢᠭᠤᠯᠵᠥ᠂ ᠠᠵᠤ ᠠᠬᠤᠢ ᠨᠡᠶᠢᠭᠡᠮ ᠤᠨ ᠭᠦᠭᠵᠢᠯᠳᠠ ᠶᠢᠨ ᠭᠦᠳᠡᠯᠭᠡᠭᠴᠢ ᠭᠦᠴᠦᠨ ᠪᠤᠯᠤᠨ | ᠠᠮᠢᠵᠢᠷᠠᠯ ᠤᠨ ᠭᠦᠴᠦᠨ ᠢ ᠪᠦᠳᠦᠮᠵᠢ ᠲᠠᠢ ᠠᠭᠢᠭᠤᠯᠤᠨ᠎ᠠ᠃ | ᠳᠦᠯᠦᠬᠡᠯᠡᠭᠴᠢᠳ ᠡ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠬᠡ ᠶᠢᠨ | ᠬᠤᠭᠤᠴᠠᠭ᠎ᠠ ᠨᠢᠬᠡᠨᠳᠡ ᠡᠬᠢᠯᠡᠯ᠎ᠡ᠃ ᠪᠢᠳᠡ ᠤᠳᠤ ᠶᠠᠭ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ | ᠠᠭᠤᠤ ᠬᠠᠷᠠᠯᠳᠠ ᠶᠢ ᠪᠡᠶᠡᠯᠡᠬᠦᠯᠬᠦ ᠰᠢᠪᠳᠤᠯᠤᠯᠳᠠ ᠶᠢᠨ ᠬᠤᠭᠤᠴᠠᠭᠠᠨ ᠳᠠᠭᠠᠨ ᠤᠷᠤᠭᠰᠠᠨ ᠪᠠᠶᠢᠨ᠎ᠠ᠃ ᠪᠢᠳᠡ | ᠡᠷᠬᠡᠪᠰᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ | ᠤᠳᠤᠷᠢᠳᠤᠯᠭ᠎ᠠ ᠳᠤᠤᠷ᠎ᠠ᠂ ︽ᠳᠦᠷᠪᠡᠨ ᠨᠢᠬᠡᠳᠦᠯᠳᠡᠢ︾᠂ ︽ᠳᠦᠷᠪᠡᠨ ᠤᠬᠠᠮᠰᠠᠷ ᠠᠴᠠ ᠪᠠᠨ︾ ᠬᠡᠬᠦ | ᠣᠷᠢᠶᠠᠯᠠᠭ᠎ᠠ ᠶᠢᠨ ᠵᠢᠱᠢᠶᠡᠴᠢ ᠪᠤᠯᠬᠤ ᠪᠠᠷ ᠢᠳᠡᠪᠬᠢᠳᠠᠢ ᠴᠢᠷᠮᠠᠶᠢᠨ ᠠᠵᠢᠯᠯᠠᠵᠣ᠂ ︽ᠬᠠᠳᠠᠭᠠᠰᠤ ᠬᠠᠳᠠᠬᠤ︾ ᠵᠤᠷᠢᠭ | ᠰᠠᠨᠠᠭ᠎ᠠ ᠪᠤᠯᠤᠨ ︽ᠮᠤᠩᠭᠤᠯ ᠮᠤᠷᠢᠨ︾ ᠤ ᠮᠤᠬᠤᠰᠢ ᠦᠬᠡᠢ ᠴᠤᠭ ᠵᠢᠪᠬᠤᠭ᠎ᠠ ᠪᠠᠷ ᠪᠦᠭᠦ ᠵᠢᠯ ᠤᠨ ᠡᠭᠦᠷᠭᠡ | ᠬᠠᠷᠢᠭᠤᠴᠠᠯᠭ᠎ᠠ ᠪᠠᠨ ᠲᠦᠭᠦᠷᠡᠩ ᠠᠮᠵᠢᠯᠳᠠᠳᠠᠢ ᠪᠡᠶᠡᠯᠡᠭᠦᠯᠵᠥ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ | ᠪᠠᠶᠢᠭᠤᠯᠬᠤ ᠳᠤ ᠬᠤᠪᠢ ᠨᠡᠮᠡᠷᠢ ᠪᠠᠨ ᠡᠷᠬᠦᠶ᠎ᠡ︕ |