| —— 2016 ᠤᠨ ᠤ 3 ᠰᠠᠷᠠᠶᠢᠨ 11 ᠤ ᠡᠳᠤᠷ ᠤᠨ ᠬᠦᠪᠡᠭᠡᠲᠤ ᠰᠢᠷ᠎ᠠ ᠬᠤᠰᠢᠭᠤᠨ ᠤ | ᠠᠷᠪᠠᠨ ᠲᠦᠷᠪᠠᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ | ᠤᠳᠠᠭᠠᠨ ᠤ ᠬᠤᠷᠠᠯᠳᠤᠭᠠᠨ ᠳᠡᠭᠡᠷ᠎ᠡ | ᠬᠦᠪᠡᠭᠡᠳᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠳᠠᠷᠤᠭ᠎ᠠ | ᠲᠠᠪᠰᠢᠯᠲᠦ | | ᠲᠦᠯᠦᠭᠡᠯᠡᠭᠴᠢᠳ ᠡ᠄ | ᠤᠳᠤ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠣ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠡᠭᠦᠨ ᠤ ᠳᠠᠭᠠᠤ ︽ᠬᠥᠪᠡᠭᠡᠲᠦ ᠰᠢᠷ᠎ᠠ ᠬᠤᠰᠢᠭᠤᠨ ᠤ ᠤᠯᠤᠰ ᠠᠷᠠᠳ ᠤᠨ ᠠᠵᠤ ᠠᠬᠤᠢ | ᠪᠣᠯᠣᠨ ᠨᠡᠶᠢᠭᠡᠮ ᠤᠨ ᠬᠦᠭᠵᠢᠭᠦᠯᠦᠯᠲᠡ ᠶᠢᠨ ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ ᠶᠢᠨ | ᠬᠥᠲᠥᠯᠪᠦᠷᠢ ︵ᠡᠬᠡ ᠨᠣᠣᠷᠠᠭ︶︾ ᠶᠢ ᠬᠠᠮᠲᠤ ᠳᠤᠨᠢ ᠬᠢᠨᠠᠨ ᠵᠥᠪᠯᠡᠬᠦ ᠪᠣᠯᠪᠠᠣ᠂ ᠬᠤᠰᠢᠭᠤ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠠᠴᠠ ᠰᠠᠨᠠᠯ ᠢᠶᠠᠨ ᠳᠤᠷᠠᠳᠬᠤ ᠶᠢ | ᠬᠦᠰᠡᠶ᠎ᠡ᠃ | ᠨᠢᠭᠡ᠂ ︽ᠠᠷᠪᠠᠨ ᠬᠤᠶᠠᠳᠣᠭᠠᠷ ᠲᠠᠪᠤᠨ ᠵᠢᠯ︾ ᠤᠨ ᠬᠤᠭᠤᠴᠠᠭ᠎ᠠ ᠪᠠ 2015 ᠤᠨ ᠤ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠡᠷᠭᠢᠴᠡᠭᠦᠯᠦᠯ | ︽ᠠᠷᠪᠠᠨ ᠬᠤᠶᠠᠳᠣᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠤᠯ᠂ ᠮᠠᠨ ᠤ | ᠬᠤᠰᠢᠭᠤᠨ ᠤ ᠭᠦᠭᠵᠢᠯᠳᠡ ᠶᠢᠨ ᠶᠠᠪᠣᠴᠠ ᠳᠠᠬᠢ ᠶᠠᠷᠦ ᠪᠣᠰᠣ ᠶᠢᠨ ᠲᠠᠪᠤᠨ ᠵᠢᠯ ᠪᠣᠯᠣᠨ᠎ᠠ᠃ ᠲᠠᠪᠤᠨ ᠵᠢᠯ ᠤᠨ | ᠳᠤᠷᠰᠢ᠂ ᠬᠤᠰᠢᠭᠤ ᠠᠷᠠᠳ ᠤᠨ ᠵᠠᠰᠠᠭ ᠤᠨ ᠤᠷᠳᠤᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ | ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠪᠦᠬᠦ ᠬᠤᠰᠢᠭᠤᠨ ᠤ ᠡᠯ᠎ᠡ | ᠦᠨᠳᠦᠰᠦᠳᠠᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠦ᠂ ᠲᠦᠪ᠂ ᠦᠪᠡᠷᠳᠡᠭᠡᠨ ᠵᠠᠰᠠᠬᠤ | ᠣᠷᠣᠨ ᠤ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠵᠢᠷᠭᠤᠭᠠᠨ ᠨᠢᠭᠡᠳᠦᠭᠡᠷ︾ ᠭᠤᠣᠯ ᠡᠭᠦᠷᠭᠡ ᠶᠢᠨ ᠳᠣᠭᠤᠷᠢᠨ ᠳᠤ᠂ ᠳᠣᠭᠳᠠᠭᠤᠨ ᠪᠠᠶᠢᠯᠭᠠᠬᠤ ᠪᠦᠭᠡᠳ | ᠣᠷᠣᠭᠰᠢᠯᠠᠬᠤ ᠠᠵᠢᠯ ᠤᠨ ᠶᠡᠷᠦᠩᠭᠡᠢ ᠠᠶᠢᠵᠠᠮ ᠢ ᠪᠠᠷᠢᠮᠳᠠᠯᠠᠵᠦ᠂ ᠳᠣᠭᠳᠠᠭᠤᠨ ᠢᠶᠠᠷ ᠨᠡᠮᠡᠭᠳᠡᠭᠦᠯᠬᠦ᠂ | ᠦᠭᠡᠷᠡᠴᠢᠯᠠᠯᠳᠠ ᠶᠢ ᠠᠭᠢᠭᠤᠯᠬᠤ᠂ ᠪᠦᠳᠦᠴᠠ ᠶᠢ ᠲᠤᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ | ᠲᠦᠭᠰᠢᠭᠦᠷᠢ ᠠᠴᠠ ᠰᠠᠷᠭᠡᠶᠢᠯᠡᠬᠦ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠣᠲᠠᠢ ᠦᠷᠨᠢᠭᠦᠯᠦᠭᠰᠡᠨ ᠢᠶᠠᠷ᠂ ᠠᠵᠦ | ᠠᠬᠤᠢ ᠶᠢᠨ ᠪᠣᠳᠠᠲᠦ ᠭᠦᠴᠦᠨ ᠢᠯᠡᠳᠲᠡ ᠴᠢᠩᠭᠠᠷᠠᠨ᠂ ᠬᠤᠳᠠ ᠭᠦᠳᠡᠭᠡ ᠶᠢᠨ ᠳᠦᠷᠰᠤ ᠪᠠᠶᠢᠳᠠᠯ ᠶᠡᠬᠡᠪᠡᠷ | ᠬᠤᠪᠢᠷᠠᠵᠦ᠂ ᠠᠷᠠᠳ ᠤᠨ ᠠᠮᠢᠳᠣᠷᠠᠯ ᠤᠨ ᠪᠠᠳᠣᠯᠠᠭ᠎ᠠ ᠦᠷᠭᠦᠯᠵᠢᠯᠠᠨ ᠰᠠᠶᠢᠵᠢᠷᠠᠨ᠂ ᠨᠡᠶᠢᠭᠡᠮ ᠤᠨ ᠠᠵᠢᠯ ᠦᠢᠯᠡᠰ | ᠪᠦᠬᠦ ᠲᠠᠯ᠎ᠠ ᠪᠠᠷ ᠭᠦᠭᠵᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠳᠤ ᠪᠠᠲᠤ ᠪᠠᠬᠢ ᠰᠠᠭᠤᠷᠢ ᠶᠢ | ᠲᠠᠯᠪᠢᠪᠠ᠃ | — — ᠠᠵᠤ ᠠᠬᠤᠢ ᠶᠢᠨ ᠶᠡᠷᠦᠩᠬᠡᠶᠢᠯᠡᠭᠰᠡᠨ ᠪᠤᠳᠠᠲᠤ ᠬᠦᠴᠦᠨ ᠰᠢᠨ᠎ᠠ ᠱᠠᠲᠤᠨ ᠳᠤ ᠭᠠᠷᠪᠠ᠃ ᠠᠵᠦ | ᠠᠬᠤᠢ ᠶᠢᠨ ᠭᠦᠭᠵᠢᠯᠳᠡ ᠶᠢᠨ ᠰᠢᠨ᠎ᠠ ᠭᠡᠪ ᠪᠠᠶᠢᠳᠠᠯ ᠳᠤ ᠢᠳᠡᠪᠭᠢᠲᠠᠢ ᠪᠠᠷ ᠵᠣᠭᠢᠴᠠᠨ᠂ ᠠᠵᠦ ᠠᠬᠤᠢ ᠶᠢᠨ | ᠪᠠᠭᠤᠷᠠᠯᠳᠠ ᠶᠢᠨ ᠲᠠᠷᠣᠭᠠᠰᠣ ᠶᠢ ᠪᠦᠳᠦᠮᠵᠢᠲᠠᠢ ᠠᠷᠭᠠᠴᠠᠭᠠᠵᠤ᠂ ᠠᠵᠦ ᠠᠬᠤᠢ ᠶᠢᠨ ᠭᠦᠭᠵᠢᠯᠳᠡ ᠶᠢᠨ ᠶᠠᠰᠣ ᠴᠢᠨᠠᠷ | ᠪᠠ ᠦᠷ᠎ᠡ ᠠᠰᠢᠭ ᠢ ᠨᠡᠩ ᠴᠢᠬᠤᠯᠠᠴᠢᠯᠠᠵᠦ᠂ ᠠᠵᠦ ᠠᠬᠤᠢ ᠦᠷᠭᠦᠯᠵᠢᠯᠠᠨ ᠡᠷᠡᠭᠦᠯ ᠢᠶᠠᠷ ᠭᠦᠭᠵᠢᠪᠡ᠃ ︽ᠠᠷᠪᠠᠨ | ᠬᠤᠶᠠᠳᠤᠭᠠᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭᠠᠨ ᠳᠤ᠂ ᠪᠦᠬᠦ ᠬᠤᠰᠢᠭᠤᠨ ᠤ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠲᠡᠭ 52.7 ᠳ᠋ᠦᠩᠰᠢᠭᠤᠷ ᠲᠦᠭᠦᠷᠢᠭ ᠲᠤ ᠭᠦᠷᠴᠦ᠂ ︽ᠠᠷᠪᠠᠨ ᠨᠢᠭᠡᠳᠦᠭᠡᠷ | ᠲᠠᠪᠤᠨ ᠵᠢᠯ︾ ᠤᠨ ᠰᠡᠭᠦᠯᠴᠢ ᠶᠢᠨ ᠬᠤᠭᠤᠴᠠᠭ᠎ᠠ ᠠᠴᠠ 65.9% ᠪᠠᠷ ᠨᠡᠮᠡᠭᠳᠠᠵᠦ᠂ ᠵᠢᠯ ᠪᠦᠷᠢ ᠳᠣᠮᠳᠠᠴᠢ ᠪᠠᠷ | 9.7% ᠪᠠᠷ ᠨᠠᠮᠡᠭᠳᠠᠪᠡ︔ ᠣᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 2.32 | ᠳ᠋ᠦᠩᠰᠢᠭᠤᠷ ᠲᠦᠭᠦᠷᠢᠭ ᠲᠤ ᠭᠦᠷᠴᠦ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭ᠎ᠠ | ᠠᠴᠠ 46.1% ᠪᠠᠷ ᠨᠡᠮᠡᠭᠳᠠᠵᠦ᠂ ᠵᠢᠯ ᠪᠦᠷᠢ ᠳᠣᠮᠳᠠᠴᠢ ᠪᠠᠷ 8% ᠪᠠᠷ ᠨᠠᠮᠡᠭᠳᠠᠪᠡ︔ ᠪᠦᠬᠦ ᠨᠡᠶᠢᠭᠡᠮ ᠤᠨ | ᠭᠡᠷᠡᠭᠯᠡᠭᠡᠨ ᠤ ᠪᠣᠳᠠᠰ ᠤᠨ ᠵᠢᠵᠢᠭᠯᠡᠨ ᠬᠤᠳᠠᠯᠳᠣᠭᠰᠠᠨ ᠶᠡᠷᠦᠩᠭᠡᠢ ᠭᠡᠮᠵᠢᠶ᠎ᠠ 5.7 ᠳ᠋ᠦᠩᠰᠢᠭᠤᠷ ᠲᠦᠭᠦᠷᠢᠭ ᠲᠤ | ᠭᠦᠷᠴᠦ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭ᠎ᠠ ᠠᠴᠠ 96.9% ᠪᠠᠷ | ᠨᠡᠮᠡᠭᠳᠠᠵᠦ᠂ ᠵᠢᠯ ᠪᠦᠷᠢ ᠳᠣᠮᠳᠠᠴᠢ ᠪᠠᠷ 14.5% ᠪᠠᠷ ᠨᠠᠮᠡᠭᠳᠠᠪᠡ︔ ᠲᠠᠪᠣᠨ ᠵᠢᠯ ᠳᠤ ᠲᠤᠭᠲᠠᠮᠠᠯ ᠬᠦᠷᠦᠩᠭᠡ ᠶᠢᠨ | ᠪᠡᠯᠨ ᠤᠷᠤᠭᠤᠯᠤᠯᠲᠠ ᠨᠠᠶᠢᠳᠠ 90.9 ᠳ᠋ᠦᠩᠰᠢᠭᠤᠷ ᠲᠦᠭᠦᠷᠢᠭ ᠲᠤ ᠭᠦᠷᠴᠦ᠂ ︽ᠠᠷᠪᠠᠨ ᠨᠢᠭᠡᠳᠦᠭᠡᠷ ᠲᠠᠪᠤᠨ | ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠠᠴᠠ 24.2% ᠪᠠᠷ ᠨᠠᠮᠡᠭᠳᠠᠪᠡ᠃ ︽ᠠᠷᠪᠠᠨ ᠬᠤᠶᠠᠳᠣᠭᠠᠷ | ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠡᠨᠧᠷᠭᠢ ᠶᠢ ᠠᠷᠪᠢᠯᠠᠨ ᠪᠣᠭᠢᠷᠳᠣᠯ ᠢ ᠪᠠᠭᠠᠰᠬᠠᠬᠤ | ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠠᠶᠠᠯᠡᠭᠦᠯᠪᠠ᠃ | — — ᠠᠵᠤ ᠦᠢᠯᠠᠰ ᠤᠨ ᠭᠡᠯᠪᠡᠷᠢ ᠶᠢ ᠬᠤᠪᠢᠷᠠᠭᠤᠯᠤᠨ ᠲᠠᠰ ᠲᠡᠪᠰᠢᠬᠦᠯᠬᠦ ᠠᠵᠢᠯ ᠰᠢᠨ᠎ᠠ ᠠᠬᠢᠴᠠ ᠲᠠᠢ | ᠪᠤᠯᠪᠠ᠃ ᠮᠠᠯ ᠠᠵᠦ ᠠᠬᠤᠢ ᠶᠢᠨ ᠭᠡᠪᠴᠢᠶᠠᠵᠢᠯᠳᠠ ᠪᠠ ᠦᠷ᠎ᠡ ᠠᠰᠢᠭ ᠢ ᠬᠠᠮᠳᠤ ᠳᠤᠨᠢ ᠨᠡᠮᠡᠭᠳᠡᠭᠦᠯᠪᠡ᠃ ᠮᠠᠯ | ᠲᠡᠵᠢᠭᠡᠪᠦᠷᠢ ᠶᠢ ᠲᠡᠵᠢᠭᠡᠨ ᠦᠷᠡᠵᠢᠭᠦᠯᠬᠦ ᠣᠷᠣᠨ ᠲᠤᠭᠤᠷᠢᠭ ᠢ ᠣᠯᠠᠮ ᠵᠣᠭᠢᠰᠲᠠᠢ ᠪᠠᠶᠢᠷᠢᠯᠠᠭᠤᠯᠵᠦ᠂ ᠲᠡᠵᠢᠭᠡᠨ | ᠦᠷᠡᠵᠢᠭᠦᠯᠬᠦ ︽ᠭᠤᠷᠪᠠᠨ ᠤᠷᠤᠨ ᠳᠣᠭᠤᠷᠢᠭ︾ ᠢ ᠳᠣᠭᠳᠠᠭᠠᠨ᠂ ᠴᠠᠬᠠᠷ ᠬᠤᠨᠢ᠂ ᠮᠢᠬᠠᠨ ᠤ ᠦᠭᠡᠷ᠂ ᠰᠠᠭᠠᠯᠢ | ᠶᠢᠨ ᠦᠨᠢᠶ᠎ᠡ ᠶᠢ ᠠᠷᠠᠴᠢᠯᠠᠨ ᠮᠠᠯᠵᠢᠬᠤ ᠦᠢᠯᠡᠰ ᠢ ᠶᠡᠭᠡᠪᠡᠷ ᠭᠦᠭᠵᠢᠭᠦᠯᠵᠦ᠂ ᠮᠠᠯ ᠠᠵᠦ ᠠᠬᠤᠢ ᠶᠢᠨ | ᠪᠦᠳᠦᠴᠠ ᠶᠢᠨ ᠳᠣᠭᠢᠷᠠᠭᠤᠯᠣᠯᠳᠠ ᠪᠠ ᠠᠵᠦ ᠦᠢᠯᠠᠰᠵᠢᠭ᠍ᠰᠡᠨ ᠡᠵᠡᠩᠨᠡᠯᠳᠠ ᠶᠢ ᠢᠳᠡᠪᠭᠢᠲᠠᠢ ᠲᠦᠯᠭᠢᠨ ᠠᠭᠢᠭᠤᠯᠵᠦ᠂ | ᠦᠢᠯᠡᠳᠪᠣᠷᠢᠯᠠᠯ ᠡᠵᠡᠩᠨᠠᠯᠳᠠ ᠶᠢᠨ ᠠᠷᠭ᠎ᠠ ᠶᠢ ᠢᠳᠡᠭ ᠢᠳᠡᠭ ᠢᠶᠠᠷ ᠬᠤᠪᠢᠷᠠᠭᠤᠯᠣᠨ᠂ ᠮᠠᠯ ᠤᠨ ᠡᠭᠦᠯᠳᠡᠷ | ᠰᠠᠶᠢᠵᠢᠷᠠᠭᠤᠯᠬᠤ ᠬᠠᠷᠢᠴᠠᠯ ᠢ ᠲᠠᠰᠣᠷᠠᠯᠳᠠ ᠦᠭᠡᠢ ᠳᠡᠭᠡᠭᠰᠢᠯᠡᠭᠦᠯᠪᠠ᠃ ᠣᠯᠣᠰ ᠤᠨ ᠲᠠᠷᠢᠶᠠᠯᠠᠩ ᠤᠨ ᠶᠠᠮᠣᠨ ᠠᠴᠠ | ︽ᠴᠠᠬᠠᠷ ᠬᠤᠨᠢᠨ︾ ᠤ ᠡᠭᠦᠯᠳᠡᠷ ᠢ ᠨᠡᠷᠡᠶᠢᠳᠴᠤ᠂ ︽ᠴᠠᠬᠠᠷ ᠬᠤᠨᠢᠨ ᠮᠢᠬ᠎ᠠ︾ ᠨᠢ ᠣᠯᠣᠰ ᠤᠨ ᠭᠠᠵᠠᠷ ᠣᠷᠣᠨ | ᠤ ᠪᠡᠯᠭᠡ ᠳᠡᠮᠳᠡᠭᠲᠤ ᠬᠠᠮᠠᠭᠠᠯᠠᠯᠳᠠ ᠶᠢᠨ ᠪᠦᠳᠦᠭᠡᠭᠳᠡᠭᠦᠨ ᠤ ᠭᠢᠨᠠᠨ ᠨᠣᠳᠠᠯᠠᠯᠳᠠ ᠳᠤ ᠭᠢᠷᠢ ᠲᠡᠩᠴᠠᠵᠦ᠂ ︽ᠴᠠᠬᠠᠷ | ᠬᠤᠨᠢᠨ ᠤ ᠠᠵᠦ ᠦᠢᠯᠠᠰ ᠤᠨ ᠭᠦᠭᠵᠢᠯᠳᠡ ᠶᠢᠨ ᠲᠠᠪᠣᠨ ᠵᠢᠯ ᠤᠨ ᠲᠦᠯᠦᠪᠵᠢᠭᠦᠯᠭᠡ︾ ᠶᠢ ᠨᠠᠶᠢᠷᠠᠭᠤᠯᠣᠨ | ᠲᠤᠭᠳᠠᠭᠠᠪᠠ᠃ ᠲᠦᠷᠦᠯ ᠵᠦᠢᠯ ᠤᠨ ᠪᠠᠯᠠ ᠮᠦᠩᠭᠦ ᠶᠢ ᠨᠡᠶᠢᠯᠡᠭᠦᠯᠦᠨ᠂ ᠴᠠᠬᠠᠷ ᠦᠷ᠎ᠡ ᠶᠢᠨ ᠮᠠᠯ ᠤᠨ ᠲᠠᠯᠠᠪᠠᠢ ᠶᠢ | ᠪᠠᠶᠢᠭᠤᠯᠵᠦ᠂ ᠴᠠᠬᠠᠷ ᠦᠷ᠎ᠡ ᠶᠢᠨ ᠮᠠᠯ ᠤᠨ ᠲᠠᠯᠠᠪᠠᠢ ᠪᠠᠷ ᠲᠣᠯᠣᠭᠠᠶᠢᠯᠠᠭᠴᠢ ᠪᠣᠯᠭᠠᠭᠰᠠᠨ᠂ ᠬᠤᠷᠰᠢᠶᠠᠵᠢᠯ ᠪᠠ | ᠦᠷ᠎ᠡ ᠶᠢᠨ ᠮᠠᠯ ᠢ ᠲᠡᠵᠢᠭᠡᠨ ᠦᠷᠡᠵᠢᠭᠦᠯᠬᠦ ᠳᠣᠰᠬᠠᠢ ᠡᠷᠦᠭᠡ ᠶᠢ ᠬᠠᠮᠣᠷᠣᠭᠰᠠᠨ ᠦᠷ᠎ᠡ ᠶᠢᠨ ᠮᠠᠯ ᠤᠨ ᠰᠠᠭᠤᠷᠢᠨ ᠢ | ᠪᠠᠶᠢᠭᠤᠯᠪᠠ᠃ ᠮᠠᠯ ᠠᠵᠦ ᠠᠬᠤᠢ ᠶᠢᠨ ᠰᠠᠭᠤᠷᠢ ᠲᠦᠭᠦᠭᠡᠷᠦᠮᠵᠢ ᠡᠳᠦᠷ ᠢᠷᠡᠭᠦᠶ᠎ᠠ ᠲᠡᠭᠦᠯᠳᠡᠷᠵᠢᠵᠦ᠂ ᠲᠠᠪᠣᠨ ᠵᠢᠯ | ᠳᠤ ᠨᠡᠶᠢᠳᠠ 12.2 ᠲᠦᠮᠡᠨ ᠲᠡᠭᠰᠢ ᠲᠦᠷᠪᠡᠯᠵᠢᠨ ᠮᠧᠲᠷ ᠤᠨ ᠫᠧᠩ ᠬᠤᠷᠤᠭ᠎ᠠ᠂ 3.1 ᠲᠦᠮᠡᠨ ᠲᠡᠭᠰᠢ | ᠲᠦᠷᠪᠡᠯᠵᠢᠨ ᠮᠧᠲᠷ ᠤᠨ ᠡᠪᠠᠰᠦ ᠬᠠᠳᠠᠭᠠᠯᠠᠬᠤ ᠫᠧᠩ ᠢ ᠪᠠᠶᠢᠭᠤᠯᠪᠠ᠃ ᠬᠤᠷᠰᠢᠶᠠᠵᠢᠯ ᠤᠨ ᠲᠠᠶᠢᠴᠢᠯᠠᠨ | ᠲᠠᠭᠠᠭᠤᠯᠬᠤ ᠦᠢᠯᠡᠳᠦᠯ ᠲᠠᠰᠣᠷᠠᠯᠳᠠ ᠦᠭᠡᠢ ᠴᠢᠩᠭᠠᠷᠠᠵᠦ᠂ ᠬᠤᠷᠰᠢᠶᠠᠵᠢᠯ ᠨᠡᠶᠢᠳᠠ 330 ᠳᠤ ᠭᠦᠷᠴᠦ᠂ | 8200 ᠮᠠᠯᠴᠢᠳ ᠢ ᠳᠠᠶᠢᠴᠢᠯᠠᠪᠠ᠃ ᠡᠪᠡᠰᠤ ᠪᠤᠷᠳᠤᠭ᠎ᠠ ᠬᠠᠳᠠᠭᠠᠯᠠᠬᠤ ᠬᠦᠮᠦᠷᠭᠡ ᠶᠢᠨ ᠴᠢᠳᠠᠮᠵᠢ ᠪᠠ ᠡᠪᠡᠰᠤᠨ ᠤ | ᠵᠠᠬ᠎ᠠ ᠳᠡᠯᠭᠡᠭᠦᠷ ᠢ ᠢᠳᠡᠭ ᠢᠳᠡᠭ ᠢᠶᠠᠷ ᠳᠡᠭᠦᠯᠳᠡᠷᠵᠢᠭᠦᠯᠵᠤ᠂ ᠡᠪᠠᠰᠦ ᠪᠣᠷᠳᠣᠭᠠᠨ ᠤ ᠬᠠᠩᠭᠠᠯᠭ᠎ᠠ ᠶᠢ ᠪᠠᠳᠣᠯᠠᠪᠠ᠃ | ᠪᠠᠶᠢᠭᠠᠯᠢ ᠶᠢᠨ ᠭᠠᠮᠰᠢᠭ ᠢ ᠢᠳᠡᠪᠬᠢᠲᠠᠢ ᠠᠷᠭᠠᠴᠠᠭᠠᠨ᠂ ᠡᠪᠠᠰᠣ ᠪᠣᠷᠳᠤᠭ᠎ᠠ ᠨᠦᠭᠡᠴᠡᠯᠡᠬᠦ᠂ ᠵᠠᠮ ᠨᠡᠪᠳᠡᠷᠡᠬᠦᠯᠬᠦ ᠪᠠ | ᠣᠨᠴᠠ ᠭᠦᠴᠢᠷᠳᠠᠯᠲᠠᠢ ᠡᠷᠦᠭᠡ ᠶᠢ ᠳᠣᠰᠠᠯᠠᠬᠤ ᠵᠡᠷᠭᠡ ᠠᠵᠢᠯ ᠢᠶᠠᠷ ᠳᠠᠮᠵᠢᠨ᠂ ᠭᠠᠮᠰᠢᠭ ᠠᠴᠠ ᠪᠤᠯᠤᠭᠰᠠᠨ ᠬᠤᠬᠢᠷᠠᠯ | ᠪᠠ ᠨᠦᠯᠦᠭᠡ ᠶᠢ ᠬᠠᠮᠤᠭ ᠶᠡᠭᠡ ᠭᠡᠮᠵᠢᠶ᠎ᠡ ᠪᠠᠷ ᠪᠠᠭᠠᠰᠬᠠᠪᠠ᠃ ᠠᠵᠦ ᠦᠢᠯᠠᠳᠪᠣᠷᠢ ᠶᠢᠨ ᠠᠵᠦ ᠠᠬᠤᠢ ᠶᠢᠨ | ᠭᠦᠭᠵᠢᠯᠳᠡ ᠶᠢᠨ ᠶᠠᠰᠣ ᠴᠢᠨᠠᠷ ᠪᠠ ᠦᠷ᠎ᠡ ᠠᠰᠢᠭ ᠢ ᠬᠠᠮᠳᠤ ᠳᠤᠨᠢ ᠳᠡᠭᠡᠭᠰᠢᠯᠡᠭᠦᠯᠪᠠ᠃ ᠶᠠᠰᠣ ᠴᠢᠨᠠᠷ ᠢ | ᠲᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠠᠷᠴᠢᠮ ᠢ ᠪᠠᠷᠢᠮᠳᠠᠯᠠᠨ᠂ ᠠᠵᠦ ᠦᠢᠯᠡᠰ ᠢ ᠰᠢᠯᠢᠳᠡᠭᠵᠢᠭᠦᠯᠦᠨ | ᠲᠠᠰ ᠲᠡᠪᠰᠢᠬᠦᠯᠬᠦ ᠶᠢ ᠠᠭᠢᠭᠤᠯᠵᠦ᠂ ᠴᠢᠯᠠᠭᠤᠨ ᠳᠣᠰᠣ᠂ ᠴᠢᠯᠠᠭᠤᠨ ᠮᠠᠲ᠋ᠧᠷᠢᠶᠠᠯ᠂ ᠨᠠᠭᠦᠷᠠᠰᠦ᠂ ᠲᠡᠮᠦᠷᠯᠢᠭ | ᠪᠣᠯᠪᠠᠰᠣᠷᠠᠭᠤᠯᠬᠤ᠂ ᠨᠠᠷᠠ ᠰᠠᠯᠭᠢᠨ ᠭᠦᠴᠦᠨ ᠤ ᠰᠢᠨ᠎ᠠ ᠡᠨᠧᠷᠭᠢ ᠶᠢ ᠪᠦᠬᠦ ᠬᠤᠰᠢᠭᠤᠨ ᠤ ᠠᠵᠦ ᠠᠬᠤᠢ ᠶᠢᠨ | ᠨᠡᠮᠡᠭᠳᠡᠯ ᠢ ᠲᠠᠶᠢᠴᠢᠯᠠᠬᠤ ᠲᠣᠯᠭᠠᠭᠤᠷᠢᠯᠠᠬᠤ ᠠᠵᠦ ᠦᠢᠯᠠᠰ ᠪᠣᠯᠭᠠᠪᠠ᠃ ︽ᠠᠷᠪᠠᠨ ᠬᠤᠶᠠᠳᠤᠭᠠᠷ ᠲᠠᠪᠤᠨ ᠵᠢᠯ︾ | ᠤᠨ ᠬᠤᠭᠤᠴᠠᠭᠠᠨ ᠤ ᠰᠡᠭᠦᠯᠴᠢ ᠪᠤᠯᠬᠤ ᠳᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 84 ᠡᠷᠦᠬᠡ | ᠪᠤᠯᠵᠤ᠂ ᠠᠵᠦ ᠦᠢᠯᠠᠳᠪᠣᠷᠢ ᠶᠢᠨ ᠠᠵᠦ ᠠᠬᠤᠶᠢᠯᠠᠯ ᠤᠨ ᠶᠠᠷᠦᠩᠭᠡᠢ ᠳᠤᠭ᠎ᠠ ︽ᠠᠷᠪᠠᠨ ᠨᠢᠭᠡᠳᠦᠭᠡᠷ ᠲᠠᠪᠤᠨ ᠵᠢᠯ︾ | ᠤᠨ ᠰᠡᠭᠦᠯᠴᠢ ᠶᠢᠨ ᠬᠤᠭᠤᠴᠠᠭ᠎ᠠ ᠠᠴᠠ 36 ᠡᠷᠦᠭᠡ ᠨᠡᠮᠡᠭᠳᠡᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠲᠡᠭ 33 ᠳ᠋ᠦᠩᠰᠢᠭᠤᠷ ᠲᠦᠭᠦᠷᠢᠭ ᠲᠤ ᠭᠦᠷᠴᠦ᠂ ᠵᠢᠯ ᠪᠦᠷᠢ ᠳᠣᠮᠳᠠᠴᠢ ᠪᠠᠷ | 12.7% ᠪᠠᠷ ᠨᠠᠮᠡᠭᠳᠠᠪᠡ᠃ ᠭᠤᠣᠯᠳᠠᠯᠭ᠎ᠠ ᠲᠠᠢ ᠲᠦᠷᠦᠯ ᠵᠦᠢᠯ ᠢ ᠬᠤᠰᠢᠭᠤ ᠱᠠᠳᠣᠨ ᠤ ᠣᠳᠣᠷᠢᠳᠣᠯᠭ᠎ᠠ ᠠᠴᠠ | ᠬᠤᠪᠢᠳᠠᠨ ᠬᠠᠮᠢᠶᠠᠷᠬᠤ ᠪᠠ ᠳᠣᠰᠬᠠᠢ ᠲᠦᠷᠦᠯ ᠢᠶᠠᠷ ᠲᠦᠯᠭᠢᠨ ᠠᠭᠢᠭᠤᠯᠬᠤ ᠳᠣᠭᠳᠠᠴᠠ ᠶᠢ ᠪᠠᠶᠢᠭᠤᠯᠣᠨ᠂ ᠲᠠᠪᠣᠨ | ᠵᠢᠯ ᠳᠤ ᠨᠠᠶᠢᠳᠠ 184 ᠭᠤᠣᠯᠳᠠᠯᠭ᠎ᠠ ᠲᠠᠢ ᠲᠦᠷᠦᠯ ᠵᠦᠢᠯ ᠢ ᠪᠦᠳᠦᠭᠡᠨ ᠪᠠᠶᠢᠭᠤᠯᠪᠠ᠃ ᠰᠢᠨ᠎ᠠ ᠴᠧᠨ ᠴᠦᠨ᠂ | ᠴᠧᠩ ᠰᠢᠩ᠂ ᠶᠢᠨ ᠶᠤᠸᠠᠨ ᠵᠡᠷᠭᠡ 8 ᠴᠢᠯᠠᠭᠤᠨ ᠮᠠᠲ᠋ᠧᠷᠢᠶᠠᠯ ᠤᠨ ᠠᠵᠦ ᠠᠬᠤᠶᠢᠯᠠᠯ ᠵᠠᠯᠭ᠎ᠠ ᠪᠠᠷ ᠠᠰᠢᠭᠯᠠᠯᠳᠠ ᠳᠤ | ᠣᠷᠣᠵᠦ᠂ ᠪᠠᠶᠠᠨᠳᠠᠯ᠎ᠠ ᠶᠢᠨ 74 ᠲᠡᠭᠰᠢ ᠲᠦᠷᠪᠡᠯᠵᠢᠨ ᠺᠢᠯᠣᠮᠧᠲᠷ ᠴᠢᠯᠠᠭᠤᠨ ᠲᠣᠰᠣᠨ ᠤ ᠣᠷᠣᠨ ᠤ ︽ᠬᠠᠶᠢᠨ | ᠰᠢᠨᠵᠢᠬᠦ ᠶᠢ ᠨᠡᠭᠡᠭᠡᠨ ᠮᠠᠯᠳᠠᠬᠤ ᠪᠤᠯᠭᠠᠨ ᠬᠤᠪᠢᠷᠠᠭᠤᠯᠬᠤ︾ ᠭᠠᠷ ᠭᠦᠢᠴᠠᠳᠭᠡᠯ ᠢ ᠭᠢᠵᠦ᠂ ᠴᠢᠯᠠᠭᠤᠨ ᠲᠣᠰᠣᠨ ᠤ | ᠠᠵᠦ ᠠᠬᠤᠶᠢᠯᠠᠯ ᠨᠢ ᠣᠰᠣ ᠣᠷᠣᠭᠤᠯᠬᠤ᠂ ᠭᠤᠷᠪᠠᠨ ᠭᠡᠮᠵᠢᠯᠲᠦ ᠲᠣᠷᠭᠢᠯᠳᠠ ᠵᠡᠷᠭᠡ ᠰᠢᠨ᠎ᠠ ᠮᠡᠷᠭᠡᠵᠢᠯ ᠢ ᠠᠰᠢᠭᠯᠠᠨ | ᠲᠤᠭᠳᠠᠭᠤᠨ ᠭᠠᠷᠣᠯᠳᠠ ᠶᠢ ᠪᠠᠳᠤᠯᠠᠵᠤ᠂ ᠲᠡᠮᠦᠷᠯᠢᠭ ᠬᠠᠶᠢᠯᠣᠭᠤᠯᠬᠤ 2 ᠠᠵᠦ ᠠᠬᠤᠶᠢᠯᠠᠯ ᠨᠢ ᠦᠢᠯᠡᠳᠭᠦᠨ ᠢᠶᠠᠨ | ᠦᠭᠡᠷᠡᠴᠢᠯᠠᠨ ᠲᠠᠰ ᠲᠡᠪᠰᠢᠬᠦᠯᠬᠦ ᠶᠢ ᠪᠡᠶᠡᠯᠡᠭᠦᠯᠦᠨ᠂ ᠳ᠋ᠦᠩ ᠯᠢᠨ ᠨᠠᠭᠦᠷᠡᠰᠦᠨ ᠤ ᠺᠣᠮᠫᠠᠨᠢ ᠶᠢᠨ ᠠᠵᠦ ᠦᠢᠯᠠᠰ ᠢ | ᠲᠠᠰ ᠲᠡᠪᠰᠢᠭᠦᠯᠦᠨ ᠰᠢᠯᠢᠳᠡᠭᠵᠢᠭᠦᠯᠬᠦ ᠲᠦᠷᠦᠯ ᠵᠦᠢᠯ ᠪᠠ ᠨᠠᠭᠦᠷᠠᠰᠦ ᠣᠭᠢᠶᠠᠬᠤ ᠦᠢᠯᠠᠳᠪᠣᠷᠢ ᠶᠢᠨ ᠲᠦᠷᠦᠯ | ᠵᠦᠢᠯ ᠨᠢ ᠶᠡᠷᠦᠩᠭᠡᠶᠢᠯᠡᠭᠰᠡᠨ ᠭᠢᠨᠠᠨ ᠰᠢᠯᠭᠠᠯᠳᠠ ᠳᠤ ᠭᠢᠷᠢ ᠲᠡᠩᠴᠠᠵᠦ᠂ ︽ᠴᠠᠬᠠᠷ ᠬᠤᠨᠢᠨ︾ ᠤ ᠣᠯᠠᠭᠠᠨ | ᠢᠳᠡᠭᠡᠨ ᠪᠣᠯᠪᠠᠰᠣᠷᠠᠭᠤᠯᠵᠦ ᠬᠠᠳᠠᠭᠠᠯᠠᠬᠤ ᠪᠠ ᠵᠢᠦ ᠵᠧᠦ ᠳ᠋ᠠ ᠳ᠋ᠢ ᠡᠪᠠᠰᠣ ᠪᠣᠷᠳᠤᠭ᠎ᠠ ᠪᠣᠯᠪᠠᠰᠣᠷᠠᠭᠤᠯᠬᠤ ᠲᠦᠷᠦᠯ | ᠵᠦᠢᠯ ᠢ ᠪᠠᠶᠢᠭᠤᠯᠣᠨ ᠠᠰᠢᠭᠯᠠᠯᠲᠠ ᠳᠤ ᠣᠷᠣᠭᠤᠯᠪᠠ᠃ ᠳ᠋ᠠ ᠲᠠᠩ᠂ ᠵᠢᠩ ᠨᠧᠩ᠂ ᠱᠧᠨ ᠨᠧᠩ ᠭᠤᠷᠪᠠᠨ ᠰᠢᠨ᠎ᠡ | ᠡᠨᠧᠷᠬᠢ ᠶᠢᠨ ᠠᠵᠤ ᠠᠬᠤᠶᠢᠯᠠᠯ ᠤᠨ ᠨᠠᠷᠠᠨ ᠤ ᠡᠨᠧᠷᠬᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ 4 ᠲᠦᠷᠦᠯ | ᠵᠦᠢᠯ ᠢ ᠲᠤᠤᠷᠴᠢᠯᠠᠨ ᠴᠠᠬᠢᠯᠭᠠᠨ ᠭᠠᠷᠭᠠᠵᠤ᠂ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠨᠢ 13.9 ᠲᠦᠮᠡᠨ | ᠺᠢᠯᠤᠸᠠᠲ ᠴᠠᠭ ᠲᠤ ᠬᠦᠷᠪᠠ᠃ ᠵᠠᠰ ᠤᠨ ᠤᠯᠠᠨ ᠲᠡᠮᠦᠷᠯᠢᠭ ᠤᠨ ᠠᠭᠤᠷᠬᠠᠢ᠂ ᠠᠯᠲᠠ ᠵᠢᠴᠢ ᠠᠯᠳᠠ ᠣᠯᠠᠨ | ᠠᠭᠤᠯᠣᠭᠳᠠᠬᠤ ᠲᠡᠮᠦᠷᠯᠢᠭ ᠤᠨ ᠠᠭᠤᠷᠬᠠᠢ ᠪᠠ ᠨᠢᠣᠪᠢ ᠲᠠᠨᠲ᠋ᠠᠯ ᠤᠨ ᠠᠭᠤᠷᠬᠠᠢ ᠨᠢ ᠪᠣᠳᠠᠲᠦ ᠴᠢᠨᠠᠷᠲᠠᠢ ᠠᠭᠢᠴᠠ | ᠲᠠᠢ ᠪᠣᠯᠵᠦ᠂ ᠢᠯᠴᠢ ᠴᠠᠭᠢᠯᠭᠠᠨ ᠢ ᠵᠠᠷᠭᠡᠪᠡᠷ ᠭᠠᠷᠭᠠᠬᠤ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠨᠠᠶᠢᠳᠠ ᠶᠢᠨ ᠭᠡᠷᠡᠭᠯᠡᠭᠡᠨ ᠤ ᠨᠢᠰᠭᠡᠯ ᠤᠨ ᠪᠠᠭᠤᠳᠠᠯ ᠤᠨ ᠭᠠᠵᠠᠷ ᠰᠣᠩᠭᠤᠬᠤ ᠭᠢᠨᠠᠨ ᠦᠨᠡᠯᠡᠯᠳᠠ ᠶᠢ | ᠪᠠᠶᠡᠯᠡᠭᠦᠯᠪᠠ᠃ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠴᠢᠯᠠᠭᠤᠨ ᠮᠠᠲ᠋ᠧᠷᠢᠶᠠᠯ ᠤᠨ ᠶᠠᠰᠣ ᠴᠢᠨᠠᠷ ᠢ ᠭᠢᠨᠠᠨ | ᠰᠢᠯᠭᠠᠬᠤ ᠲᠦᠪ ᠨᠢ ᠫᠠᠶᠢᠰᠠ ᠡᠯᠭᠦᠨ ᠠᠵᠢᠯ ᠢᠶᠠᠨ ᠡᠭᠢᠯᠡᠭᠦᠯᠵᠦ᠂ ︽ᠳᠤᠮᠳᠠᠳᠤ ᠤᠯᠤᠰ ᠤᠨ ᠤᠮᠠᠷᠠᠳᠤ ᠶᠢᠨ | ᠴᠢᠯᠠᠭᠤᠨ ᠮᠠᠲ᠋ᠧᠷᠢᠶᠠᠯ ᠤᠨ ᠥᠯᠥᠭᠡᠢ︾ ᠭᠡᠮᠡᠬᠦ ᠠᠯᠳᠠᠷᠰᠢᠯ ᠢᠶᠠᠨ ᠲᠠᠰᠣᠷᠠᠯᠳᠠ ᠦᠭᠡᠢ ᠨᠡᠮᠡᠭᠳᠡᠭᠦᠯᠪᠠ᠃ ᠠᠵᠦ | ᠦᠢᠯᠡᠳᠪᠣᠷᠢ ᠶᠢᠨ ᠳᠣᠭᠤᠷᠢᠭ ᠤᠨ ᠰᠠᠭᠤᠷᠢ ᠲᠦᠭᠦᠭᠡᠷᠦᠮᠵᠢ ᠡᠳᠦᠷ ᠢᠷᠡᠭᠦᠶ᠎ᠠ ᠲᠡᠭᠦᠯᠳᠡᠷᠵᠢᠵᠦ᠂ ᠦᠪᠡᠷᠳᠡᠭᠡᠨ | ᠵᠠᠰᠠᠬᠤ ᠣᠷᠣᠨ ᠤ ᠠᠵᠦ ᠦᠢᠯᠡᠳᠪᠣᠷᠢ ᠶᠢᠨ ᠣᠷᠴᠢᠯᠳᠦ ᠠᠵᠦ ᠠᠬᠤᠢ ᠶᠢᠨ ᠲᠣᠷᠰᠢᠯᠳᠠ ᠶᠢᠨ ᠴᠢᠭ ᠤᠨ ᠵᠢᠱᠢᠶ᠎ᠡ | ᠦᠵᠡᠬᠦᠯᠬᠦ ᠳᠣᠭᠤᠷᠢᠭ ᠤᠨ ᠡᠩᠨᠡᠭᠡᠨ ᠳᠤ ᠣᠷᠣᠪᠠ᠃ ᠦᠢᠯᠡᠴᠢᠯᠡᠭᠡᠨ ᠤ ᠦᠢᠯᠠᠰ ᠤᠨ ᠭᠦᠭᠵᠢᠯᠳᠠ ᠶᠢᠨ ᠦᠷ᠎ᠡ | ᠠᠰᠢᠭ ᠪᠠ ᠬᠠᠷᠢᠴᠠᠯ ᠵᠡᠷᠭᠡᠪᠡᠷ ᠲᠡᠭᠡᠭᠰᠢᠯᠠᠪᠠ᠃ ᠦᠪᠡᠷᠳᠡᠭᠡᠨ ᠵᠠᠰᠠᠬᠤ ᠣᠷᠣᠨ ᠤ ᠵᠢᠵᠢᠭ ᠪᠠᠭ᠎ᠠ ᠠᠵᠦ ᠠᠬᠤᠶᠢᠯᠠᠯ | ᠤᠨ ᠬᠦᠭᠵᠢᠯᠲᠡ ᠶᠢ ᠳᠡᠳᠬᠦᠬᠦ ᠲᠦᠷᠦ ᠶᠢᠨ ᠪᠤᠳᠤᠯᠭ᠎ᠠ ᠠᠷᠭ᠎ᠠ ᠠᠪᠴᠡᠯ ᠢ ᠨᠠᠷᠢᠨ ᠭᠢᠨᠠᠮᠠᠭᠠᠢ ᠳᠣᠣᠱᠯᠠᠭᠤᠯᠣᠨ | ᠨᠠᠶᠢᠳᠠᠪᠣᠷᠢᠵᠢᠭᠤᠯᠵᠦ᠂ ᠬᠤᠪᠢ ᠶᠢᠨ ᠡᠵᠡᠩᠨᠠᠯᠳᠠ ᠶᠢᠨ ᠠᠵᠦ ᠠᠬᠤᠶᠢᠯᠠᠯ ᠪᠠ ᠬᠤᠪᠢ ᠶᠢᠨ ᠦᠢᠯᠠᠳᠪᠣᠷᠢ | ᠬᠤᠳᠠᠯᠳᠣᠭᠠᠨ ᠤ ᠡᠷᠦᠭᠡ ᠨᠢ ︽ᠠᠷᠪᠠᠨ ᠨᠢᠭᠡᠳᠦᠭᠡᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭ᠎ᠠ ᠠᠴᠠ | ᠨᠡᠮᠡᠭᠳᠡᠨ ᠳᠤᠰᠪᠤᠷᠢ 164 ᠪᠠ 406 ᠡᠷᠦᠬᠡ ᠪᠤᠯᠵᠤ᠂ 5 ᠭᠢᠵᠠᠭᠠᠷᠲᠦ ᠠᠵᠦ ᠠᠬᠤᠶᠢᠯᠠᠯ᠂ 14 ᠪᠠᠭ᠎ᠠ ᠵᠢᠵᠢᠭ | ᠠᠵᠦ ᠠᠬᠤᠶᠢᠯᠠᠯ ᠪᠠ 7 ᠬᠤᠪᠢ ᠶᠢᠨ ᠦᠢᠯᠠᠳᠪᠣᠷᠢ ᠬᠤᠳᠠᠯᠳᠣᠭᠠᠨ ᠤ ᠡᠷᠦᠭᠡ ᠨᠢ ᠪᠦᠬᠦ ᠠᠶᠢᠮᠠᠭ ᠤᠨ ︽ | ᠭᠤᠷᠪᠠᠨ ᠵᠠᠭᠤᠨ ᠵᠢᠱᠢᠶ᠎ᠡ ᠦᠵᠡᠭᠦᠯᠬᠦ ᠢᠨᠵᠧᠨᠧᠷᠢᠩ︾ ᠪᠠ ︽ᠵᠠᠭᠤ ᠮᠢᠩᠭ᠎ᠠ ᠲᠦᠮᠨ ᠶᠢ ᠪᠠᠶᠢᠭᠤᠯᠬᠤ | ᠢᠨᠵᠧᠨᠧᠷᠢᠩ︾ ᠳᠤ ᠵᠢᠭᠰᠠᠭᠠᠭᠳᠠᠪᠠ᠃ ᠴᠠᠬᠠᠷ ᠵᠠᠩ ᠦᠢᠯᠠ ᠰᠣᠶᠣᠯ ᠤᠨ ᠨᠠᠷᠠ ᠲᠡᠮᠳᠡᠭ ᠢ ᠢᠳᠡᠪᠭᠢᠲᠠᠢ | ᠡᠭᠦᠳᠴᠦ᠂ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢ ᠲᠠᠰᠣᠷᠠᠯᠳᠠ ᠦᠭᠡᠢ | ᠲᠡᠭᠦᠯᠳᠡᠷᠵᠢᠭᠦᠯᠵᠦ᠂ ︽ᠮᠠᠯᠴᠢᠨ ᠠᠶᠢᠯ︾ ᠵᠡᠷᠭᠡ ᠰᠢᠨ᠎ᠠ ᠭᠡᠯᠪᠠᠷᠢ ᠶᠢᠨ ᠵᠢᠭᠤᠯᠴᠢᠯᠠᠯ ᠤᠨ ᠦᠢᠯᠠᠰ ᠢ ᠦᠳᠲᠡᠷ | ᠲᠦᠷᠭᠡᠨ ᠭᠦᠭᠵᠢᠭᠦᠯᠵᠦ᠂ ᠬᠦᠯᠢᠶᠡᠨ ᠠᠪᠤᠭᠰᠠᠨ ᠵᠣᠭᠠᠴᠠᠭᠰᠠᠳ ᠤᠨ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠵᠢᠯ | ᠲᠠᠷᠠᠭᠠᠯᠠᠨ ᠨᠡᠮᠡᠭᠳᠡᠪᠠ᠃ ᠣᠳᠣ ᠦᠶ᠎ᠡ ᠶᠢᠨ ᠪᠣᠳᠠᠰ ᠤᠨ ᠭᠦᠢᠯᠭᠡᠭᠡ ᠪᠠ ᠮᠦᠩᠭᠦᠨ ᠭᠦᠢᠯᠭᠡᠭᠡᠨ ᠤ ᠲᠠᠭᠠᠳᠬᠠᠯ ᠤᠨ | ᠦᠢᠯᠠᠰ ᠳᠣᠭᠳᠠᠭᠤᠨ ᠢᠶᠠᠷ ᠭᠦᠭᠵᠢᠪᠠ᠃ ᠹᠠᠩ ᠶᠤᠸᠠᠨ ᠪᠣᠳᠠᠰ ᠤᠨ ᠭᠦᠢᠯᠭᠡᠭᠡᠨ ᠤ ᠳᠣᠭᠤᠷᠢᠭ ᠢ ᠪᠠᠶᠢᠭᠤᠯᠣᠨ | ᠠᠰᠢᠭᠯᠠᠯᠳᠠ ᠳᠤ ᠣᠷᠣᠭᠤᠯᠵᠦ᠂ ᠲᠦᠷᠭᠡᠨ ᠭᠤᠪᠢᠭᠤᠯᠭ᠎ᠠ ᠶᠢᠨ ᠠᠵᠦ ᠦᠢᠯᠠᠰ ᠢ ᠦᠳᠲᠡᠷ ᠲᠦᠷᠭᠡᠨ | ᠭᠦᠭᠵᠢᠭᠦᠯᠵᠦ᠂ ᠦᠢᠯᠡᠳᠪᠣᠷᠢ ᠬᠤᠳᠠᠯᠳᠣᠭᠠᠨ ᠤ ᠪᠠᠩᠭᠢ ᠶᠢ ᠲᠠᠭᠢᠨ ᠰᠡᠷᠭᠦᠭᠡᠵᠦ᠂ ᠮᠦᠩᠭᠦᠨ ᠬᠦᠢᠯᠭᠡᠭᠡᠨ ᠤ | ᠪᠠᠶᠢᠭᠤᠯᠣᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠣᠷᠢ ᠪᠠ ᠲᠠᠭᠠᠳᠬᠠᠯ ᠤᠨ ᠦᠢᠯᠠᠰ ᠤᠨ ᠶᠠᠷᠦᠩᠭᠡᠢ | ᠣᠷᠣᠯᠭ᠎ᠠ ᠶᠢ ᠶᠡᠭᠡᠪᠡᠷ ᠨᠡᠮᠡᠭᠳᠡᠭᠦᠯᠵᠦ᠂ ᠣᠷᠣᠨ ᠨᠣᠳᠤᠭ ᠤᠨ ᠠᠵᠦ ᠠᠬᠤᠢ ᠶᠢᠨ ᠭᠦᠭᠵᠢᠯᠳᠠ ᠶᠢ ᠭᠦᠴᠦᠳᠠᠢ | ᠠᠭᠢᠭᠤᠯᠪᠠ᠃ | — — ᠬᠤᠲᠠ ᠭᠦᠳᠡᠭᠡ ᠶᠢᠨ ᠪᠦᠳᠦᠭᠡᠨ ᠪᠠᠶᠢᠭᠤᠯᠣᠯᠳᠠ ᠰᠢᠨ᠎ᠠ ᠦᠰᠦᠷᠦᠯᠳᠠ ᠶᠢ ᠪᠠᠶᠠᠯᠠᠭᠦᠯᠪᠠ᠃ ︽ | ᠠᠷᠠᠳ ᠤᠨ ᠠᠮᠢᠳᠣᠷᠠᠯ ᠲᠠᠢ ᠬᠤᠯᠪᠣᠭᠳᠠᠭᠰᠠᠨ ᠬᠤᠳᠠ ᠪᠠᠯᠭᠠᠰᠣᠨ ᠤ ᠪᠠᠶᠢᠭᠤᠯᠣᠯᠳᠠ︾ ᠶᠢᠨ ᠣᠶᠢᠯᠠᠭᠠᠭᠳᠠᠬᠤᠨ | ᠢᠶᠠᠷ᠂ ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠦᠪᠰᠢᠨ ᠢ ᠤᠯᠠᠮ | ᠳᠡᠭᠡᠭᠰᠢᠯᠡᠭᠦᠯᠵᠤ᠂ ᠬᠤᠲᠠ ᠪᠠᠯᠭᠠᠰᠤᠨ ᠤ ᠶᠡᠷᠦᠩᠬᠡᠢ ᠳᠠᠭᠠᠭᠠᠴᠨ ᠪᠠ ᠳᠠᠶᠢᠴᠢᠯᠠᠨ ᠳᠠᠭᠠᠭᠤᠯᠬᠤ ᠴᠢᠳᠠᠪᠤᠷᠢ ᠶᠢ | ᠤᠯᠠᠮ ᠴᠢᠨᠠᠭᠰᠢᠳᠠ ᠴᠢᠩᠭᠠᠳᠬᠠᠪᠠ᠃ ︽ᠰᠢᠨᠡᠪᠤᠯᠠᠭ ᠪᠠᠯᠭᠠᠰᠤᠨ ᠤ ᠬᠤᠲᠠ ᠪᠠᠯᠭᠠᠰᠤᠨ ᠤ ᠶᠡᠷᠦᠩᠬᠡᠢ | ᠳᠦᠯᠦᠪᠵᠢᠭᠦᠯᠭᠡ ︵2016—2020︶︾᠂ ︽ᠬᠤᠲᠠ ᠪᠠᠯᠭᠠᠰᠤᠨ ᠤ ᠬᠦᠷᠢᠶᠡᠯᠡᠩ ᠤᠨ | ᠨᠤᠭᠤᠭᠠᠷᠠᠭᠤᠯᠤᠯᠲᠠ ᠶᠢᠨ ᠶᠡᠷᠦᠩᠬᠡᠢ ᠲᠦᠯᠦᠪᠵᠢᠭᠦᠯᠭᠡ︾᠂ ︽ᠬᠤᠲᠠ ᠶᠢᠨ ᠦᠵᠡᠮᠵᠢ ᠶᠢᠨ ᠴᠢᠨᠠᠷᠵᠢᠯ ᠢ | ᠳᠡᠭᠡᠭᠰᠢᠯᠡᠭᠦᠯᠬᠦ ᠲᠦᠯᠦᠪᠵᠢᠭᠦᠯᠭᠡ︾᠂ ︽ᠤᠰᠤ ᠬᠠᠩᠭᠠᠬᠤ ᠬᠤᠭᠤᠯᠠᠢ ᠶᠢᠨ ᠲᠤᠤᠷ ᠤᠨ ᠳᠤᠰᠬᠠᠢ | ᠲᠦᠯᠦᠪᠵᠢᠭᠦᠯᠭᠡ︾᠂ ︽ᠬᠤᠲᠠ ᠪᠠᠯᠭᠠᠰᠤᠨ ᠤ ᠲᠤᠯᠠᠭᠠᠯᠭ᠎ᠠ ᠶᠢᠨ ᠬᠤᠭᠤᠯᠠᠢ ᠶᠢᠨ ᠲᠤᠤᠷ ᠤᠨ ᠲᠤᠰᠬᠠᠢ | ᠲᠦᠯᠦᠪᠵᠢᠭᠦᠯᠭᠡ︾᠂ ︽ᠤᠩᠭᠤᠨ ᠠᠭᠤᠯᠨ ᠰᠤᠮᠤᠨ ᠤ ᠶᠡᠷᠦᠩᠬᠡᠢ ᠲᠦᠯᠦᠪᠵᠢᠭᠦᠯᠭᠡ︾ ᠪᠠ ︽ᠪᠠᠶᠠᠨᠳᠠᠯ᠎ᠠ | ᠪᠠᠯᠭᠠᠰᠤᠨ ᠤ ᠶᠡᠷᠦᠩᠬᠡᠢ ᠲᠦᠯᠦᠪᠵᠢᠭᠦᠯᠭᠡ︾ ᠶᠢ ᠨᠠᠶᠢᠷᠠᠭᠤᠯᠤᠨ ᠲᠤᠭᠳᠠᠭᠠᠪᠠ᠃ ᠲᠠᠪᠣᠨ ᠵᠢᠯ ᠳᠤ ᠨᠠᠶᠢᠳᠠ 13. | 62 ᠳ᠋ᠦᠩᠰᠢᠭᠤᠷ ᠲᠦᠭᠦᠷᠢᠭ ᠤᠨ ᠪᠠᠯᠠ ᠤᠷᠤᠭᠤᠯᠵᠤ᠂ ᠪᠠᠳᠣᠯᠠᠭᠠᠨ ᠤ ᠴᠢᠨᠠᠷᠲᠠᠢ ᠣᠷᠣᠨ ᠰᠠᠭᠤᠴᠠ᠂ ᠭᠡᠷ | ᠭᠠᠵᠠᠷ ᠭᠦᠷᠦᠩᠭᠡ ᠶᠢᠨ ᠨᠡᠭᠡᠭᠡᠯᠳᠠ᠂ ᠣᠯᠣᠰ ᠠᠴᠠ ᠪᠠᠶᠢᠭᠤᠯᠣᠭᠰᠠᠨ ᠲᠦᠷᠦᠯ ᠵᠦᠢᠯ᠂ ᠬᠤᠳᠠᠯᠳᠤᠭᠠᠨ ᠤ ᠲᠤᠤᠷ | ᠴᠢᠭ᠋ ᠤᠨ ᠪᠦᠳᠦᠭᠡᠨ ᠪᠠᠶᠢᠭᠤᠯᠣᠯᠳᠠ ᠪᠤᠯᠤᠨ ᠤᠰᠤ ᠳᠤᠯᠠᠭᠠᠯᠭ᠎ᠠ ᠶᠢᠨ ᠬᠠᠩᠭᠠᠯᠭ᠎ᠠ᠂ ᠵᠠᠮ ᠤᠨ ᠲᠤᠤᠷ ᠤᠨ | ᠦᠭᠡᠷᠡᠴᠢᠯᠡᠯᠲᠡ ᠵᠡᠷᠭᠡ ᠬᠤᠳᠠ ᠶᠢᠨ ᠶᠠᠪᠣᠳᠠᠯ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠭᠤᠤᠯᠳᠠᠯᠭ᠎ᠠ ᠲᠠᠢ ᠬᠡᠷᠡᠭᠵᠢᠭᠦᠯᠵᠤ᠂ ᠴᠢᠯᠠᠭᠤᠨ ᠮᠠᠲ᠋ᠧᠷᠢᠶᠠᠯ ᠤᠨ ᠲᠡᠯᠭᠡᠨ ᠦᠵᠡᠭᠦᠯᠦᠯᠭᠡ ᠶᠢᠨ ᠲᠦᠪ᠂ ᠲᠠᠮᠢᠷ ᠤᠨ | ᠣᠷᠳᠣᠨ᠂ ᠨᠠᠰᠤᠳᠠᠶᠢᠴᠤᠳ ᠤᠨ ᠬᠦᠳᠡᠯᠪᠦᠷᠢ ᠶᠢᠨ ᠲᠦᠪ ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ | ᠪᠠᠷᠢᠯᠭ᠎ᠠ ᠶᠢ ᠪᠠᠶᠢᠭᠤᠯᠣᠨ ᠠᠰᠢᠭᠯᠠᠵᠦ᠂ ᠬᠤᠳᠠ ᠪᠠᠯᠭᠠᠰᠣᠵᠢᠯᠳᠠ ᠶᠢᠨ ᠨᠣᠷᠮ᠎ᠠ ︽ᠠᠷᠪᠠᠨ ᠨᠢᠭᠡᠳᠦᠭᠡᠷ ᠲᠠᠪᠤᠨ ᠵᠢᠯ | ︾ ᠤᠨ ᠰᠡᠭᠦᠯᠴᠢ ᠶᠢᠨ ᠬᠤᠭᠤᠴᠠᠭ᠎ᠠ ᠠᠴᠠ 7.6 ᠵᠠᠭᠤᠨ ᠤ ᠬᠤᠪᠢ ᠨᠠᠮᠡᠭᠳᠠᠪᠡ᠃ ︽ᠴᠠᠪᠡᠷᠵᠢᠭᠦᠯᠦᠯᠳᠠ ᠪᠠ | ᠨᠣᠭᠤᠭᠠᠷᠠᠭᠤᠯᠣᠯᠳᠠ︾ ᠶᠢᠨ ᠠᠵᠢᠯᠯᠠᠭ᠎ᠠ ᠶᠢ ᠶᠡᠭᠡᠪᠠᠷ ᠦᠷᠨᠢᠭᠦᠯᠵᠦ᠂ ᠬᠤᠲᠠ ᠪᠠᠯᠭᠠᠰᠤᠨ ᠤ ᠨᠣᠭᠤᠭᠠᠷᠠᠭᠤᠯᠣᠯᠳᠠ᠂ | ᠭᠡᠭᠡᠷᠡᠭᠦᠯᠦᠯᠳᠠ᠂ ᠭᠤᠸᠠᠵᠢᠭᠤᠯᠣᠯᠳᠠ ᠶᠢᠨ ᠲᠦᠪᠰᠢᠨ ᠢ ᠨᠡᠮᠡᠭᠳᠡᠭᠦᠯᠦᠨ᠂ ᠰᠢᠨᠠᠪᠣᠯᠠᠭ ᠪᠠᠯᠭᠠᠰᠣ ᠨᠢ ︽ | ᠦᠪᠡᠷᠳᠡᠭᠡᠨ ᠵᠠᠰᠠᠬᠤ ᠣᠷᠣᠨ ᠤ ᠲᠠᠰ ᠤᠨ ᠠᠷᠢᠭᠤᠨ ᠴᠠᠪᠠᠷ ᠬᠤᠳᠠ ᠪᠠᠯᠭᠠᠰᠣ︾ ᠶᠢᠨ ᠢᠷᠠᠭᠤ ᠠᠯᠳᠠᠷ ᠢ | ᠭᠦᠷᠳᠠᠪᠠ᠃ ︽ᠠᠷᠪᠠ ᠶᠢ ᠪᠦᠷᠭᠦᠭᠦᠯᠬᠦ︾ ᠢᠨᠵᠧᠨᠧᠷᠢᠩ ᠢ ᠯᠠᠪᠳᠠᠭᠤᠨ ᠪᠠᠳᠣᠲᠠᠢ ᠠᠭᠢᠭᠤᠯᠵᠦ᠂ ︽ᠭᠤᠷᠪᠠ ᠶᠢ | ᠣᠶᠠᠯᠳᠣᠭᠤᠯᠬᠤ︾ ᠵᠠᠷᠴᠢᠮ ᠪᠠ ︽ᠭᠤᠷᠪᠠ ᠪᠠᠷ ᠭᠤᠣᠯᠳᠠᠯᠭ᠎ᠠ ᠪᠣᠯᠭᠠᠬᠤ︾ ᠳᠣᠭᠳᠠᠴᠠ ᠶᠢ ᠪᠠᠶᠢᠭᠤᠯᠤᠨ᠂ | ᠮᠠᠯᠵᠢᠬᠤ ᠣᠷᠣᠨ ᠤ ᠵᠠᠮ ᠱᠣᠭᠤᠮ᠂ ᠬᠤᠶᠠᠷ ᠫᠧᠩ ᠤᠨ ᠪᠦᠳᠦᠭᠡᠨ ᠪᠠᠶᠢᠭᠤᠯᠣᠯᠳᠠ ᠪᠠ ᠣᠷᠴᠢᠨ ᠳᠣᠭᠤᠷᠢᠨ ᠢ | ᠶᠡᠷᠦᠩᠭᠡᠶᠢᠯᠠᠨ ᠵᠠᠰᠠᠬᠤ ᠠᠭᠤᠯᠭ᠎ᠠ ᠶᠢ ᠨᠠᠮᠠᠵᠦ ᠣᠷᠣᠭᠤᠯᠣᠨ᠂ ᠭᠠᠵᠠᠷ ᠣᠷᠣᠨ ᠤ ᠪᠣᠳᠠᠲᠦ ᠪᠠᠶᠢᠳᠠᠯ ᠳᠤ | ᠵᠣᠭᠢᠴᠠᠭᠰᠠᠨ ︽10 +3︾ ᠶᠢ ᠪᠦᠳᠦᠭᠡᠨ ᠪᠠᠶᠢᠭᠤᠯᠬᠤ ᠠᠭᠤᠯᠭ᠎ᠠ ᠪᠠ ᠪᠦᠷᠬᠦᠬᠦᠯᠬᠦ ᠰᠢᠰᠲ᠋ᠧᠮ ᠢ | ᠪᠦᠷᠢᠯᠳᠦᠭᠦᠯᠪᠠ᠃ 2014 ᠤᠨ ᠠᠴᠠ ᠨᠠᠰᠢ᠂ 124 ᠮᠠᠯᠴᠢᠨ ᠡᠷᠦᠬᠡ ᠳᠤ ᠰᠢᠨ᠎ᠡ ᠤᠷᠤᠨ ᠰᠠᠭᠤᠴᠨ ᠶᠢ | ᠪᠠᠶᠢᠭᠤᠯᠤᠨ᠂ 1123 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠵᠤ᠂ 1780 | ᠡᠷᠦᠬᠡ ᠶᠢᠨ ᠭᠡᠷ ᠪᠠᠶᠢᠰᠢᠩ ᠢ ᠴᠢᠨᠠᠷᠵᠢᠭᠤᠯᠤᠨ ᠲᠡᠰ ᠳᠡᠪᠰᠢᠭᠦᠯᠵᠤ᠂ 154 ᠤᠰᠤᠨ ᠰᠤᠷᠪᠤᠯᠵᠢ ᠶᠢᠨ ᠬᠤᠳᠳᠤᠭ | ᠢ ᠰᠢᠨ᠎ᠡ ᠪᠠᠷ ᠮᠠᠯᠳᠠᠵᠤ᠂ 9 ᠲᠦᠭᠡᠭᠡᠯ ᠤᠰᠤᠨ ᠤ ᠢᠨᠵᠧᠨᠧᠷᠢᠩ ᠢ ᠪᠡᠶᠡᠯᠡᠭᠦᠯᠦᠨ᠂ 2435 ᠬᠦᠮᠦᠨ ᠤ ᠤᠰᠤ | ᠤᠮᠳᠠ ᠶᠢᠨ ᠠᠶᠤᠯᠭᠦᠢ ᠶᠢᠨ ᠠᠰᠠᠭᠤᠳᠠᠯ ᠢ ᠰᠢᠢᠳᠪᠦᠷᠢᠯᠡᠵᠤ᠂ 93 ᠡᠷᠦᠬᠡ ᠳᠤ ᠲᠤᠤᠷᠴᠢᠯᠠᠭᠰᠠᠨ ᠴᠠᠬᠢᠯᠭᠠᠨ | ᠨᠡᠪᠳᠡᠷᠡᠭᠦᠯᠪᠠ᠃ ᠲᠠᠪᠣᠨᠵᠢᠯ ᠳᠤ᠂ ᠮᠠᠯᠵᠢᠬᠤ ᠤᠷᠤᠨ ᠳᠤ 786.2 ᠺᠢᠯᠣᠮᠧᠲᠷ ᠤᠨ ᠵᠠᠰᠠᠮᠠᠯ ᠵᠠᠮ ᠢ ᠵᠠᠰᠠᠵᠦ᠂ | ᠭᠠᠴᠠᠭᠠᠨ ᠳᠤ ᠵᠠᠰᠠᠮᠠᠯ ᠵᠠᠮ ᠨᠡᠪᠳᠡᠷᠡᠭᠰᠡᠨ ᠨᠣᠷᠮ᠎ᠠ 100% ᠳᠤ ᠭᠦᠷᠪᠡ᠃ 5 ᠰᠠᠣᠷᠢ 35 ᠺᠢᠯᠣᠸᠣᠯᠲ ᠤᠨ | ᠴᠠᠬᠢᠯᠭᠠᠨ ᠭᠦᠴᠦᠳᠠᠯ ᠬᠤᠪᠢᠰᠬᠠᠬᠤ ᠦᠷᠳᠡᠭᠡ ᠶᠢ ᠰᠢᠨ᠎ᠠ ᠪᠠᠷ ᠦᠷᠭᠡᠳᠭᠡᠨ ᠪᠠᠶᠢᠭᠤᠯᠵᠦ᠂ 2 ᠲᠦᠷᠦᠯ ᠤᠨ | 110 ᠺᠢᠯᠣᠸᠣᠯᠲ ᠤᠨ ᠴᠠᠬᠢᠯᠭᠠᠨ ᠭᠦᠴᠦᠳᠠᠯ ᠬᠤᠪᠢᠰᠬᠠᠬᠤ ᠢᠨᠵᠧᠨᠧᠷᠢᠩ ᠢ ᠭᠡᠷᠡᠭᠵᠢᠭᠦᠯᠵᠦ᠂ ᠮᠠᠯᠵᠢᠬᠤ | ᠣᠷᠣᠨ ᠳᠤ ᠴᠠᠭᠢᠯᠭᠠᠨ ᠨᠠᠪᠳᠡᠷᠡᠭᠰᠡᠨ ᠨᠣᠷᠮ᠎ᠠ 100% ᠳᠤ ᠭᠦᠷᠪᠡ᠃ ᠰᠢᠨᠡᠪᠣᠯᠠᠭ ᠪᠠᠯᠭᠠᠰᠣᠨ ᠤ ᠤᠰᠤ | ᠬᠠᠩᠭᠠᠯᠭ᠎ᠠ ᠶᠢᠨ ᠬᠤᠭᠤᠯᠠᠢ ᠶᠢ ᠦᠭᠡᠷᠡᠴᠢᠯᠡᠨ ᠦᠷᠭᠡᠳᠭᠡᠬᠦ ᠢᠨᠵᠧᠨᠧᠷᠢᠩ ᠨᠢ ᠣᠰᠣ ᠨᠡᠪᠳᠡᠷᠡᠬᠦ ᠨᠦᠭᠦᠴᠠᠯ ᠢ | ᠪᠦᠷᠢᠯᠳᠦᠭᠦᠯᠵᠤ᠂ ᠪᠤᠯᠤᠩ ᠤᠨ ᠤᠰᠤᠨ ᠰᠤᠷᠪᠤᠯᠵᠢ ᠶᠢᠨ ᠭᠠᠵᠠᠷ ᠢ ᠦᠷᠭᠡᠳᠭᠡᠨ ᠪᠠᠶᠢᠭᠤᠯᠬᠤ ᠶᠢ ᠪᠡᠶᠡᠯᠡᠭᠦᠯᠪᠠ᠃ | ᠪᠣᠵᠠᠷ ᠣᠰᠣ ᠶᠢ ᠰᠢᠢᠳᠪᠣᠷᠢᠯᠡᠬᠦ ᠦᠢᠯᠡᠳᠪᠦᠷᠢ ᠪᠠ ᠬᠤᠭ ᠨᠣᠪᠰᠢ ᠶᠢ ᠰᠢᠢᠳᠪᠣᠷᠢᠯᠡᠬᠦ ᠦᠢᠯᠡᠳᠪᠦᠷᠢ ᠶᠢ | ᠠᠰᠢᠭᠯᠠᠯᠳᠠ ᠳᠤ ᠤᠷᠤᠭᠤᠯᠪᠠ᠃ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠣᠯᠳᠠ ᠢᠯᠡᠳᠳᠠ | ᠦᠷ᠎ᠡ ᠪᠦᠳᠦᠮᠵᠢ ᠣᠯᠪᠠ᠃ ᠲᠠᠪᠣᠨ ᠵᠢᠯ ᠳᠤ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠣᠯᠳᠠ ᠳᠤ | ᠨᠠᠶᠢᠳᠠ 1.2 ᠳ᠋ᠦᠩᠰᠢᠭᠤᠷ ᠲᠦᠭᠦᠷᠢᠭ ᠤᠨ ᠪᠠᠯᠠ ᠣᠷᠣᠭᠤᠯᠵᠦ᠂ 53.8 ᠲᠦᠮᠡᠨ ᠮᠣ᠋ ᠡᠯᠡᠰᠦᠨ ᠤ ᠡᠭᠢ ᠶᠢ | ᠵᠠᠰᠠᠵᠦ᠂ 37.3 ᠲᠦᠮᠡᠨ ᠮᠣ᠋ ᠲᠠᠯ᠎ᠠ ᠨᠣᠳᠤᠭ ᠤᠨ ᠠᠮᠢ ᠠᠬᠤᠢ ᠶᠢᠨ ᠣᠷᠭᠤᠮᠠᠯ ᠤᠨ ᠪᠦᠷᠭᠦᠴᠠ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠤ᠂ ᠭᠤᠤᠯᠳᠠᠯᠭᠠᠲᠤ ᠣᠷᠣᠨ ᠳᠤ 3330 ᠮᠣ᠋ ᠣᠶᠢᠵᠢᠭᠤᠯᠣᠯᠳᠠ | ᠨᠣᠭᠤᠭᠠᠷᠠᠭᠤᠯᠣᠯᠳᠠ ᠶᠢ ᠪᠠᠶᠠᠯᠡᠭᠦᠯᠪᠠ᠃ ᠠᠮᠢ ᠠᠬᠤᠢ ᠶᠢᠨ ᠱᠠᠩᠨᠠᠵᠦ ᠨᠦᠭᠦᠪᠦᠷᠢᠯᠡᠬᠦ ᠲᠦᠷᠦ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠪᠦᠬᠦ ᠮᠠᠯᠵᠢᠬᠤ ᠭᠠᠴᠠᠭ᠎ᠠ ᠶᠢ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠦᠯ | ᠵᠦᠢᠯ ᠤᠨ ᠭᠡᠪᠴᠢᠶᠠᠨ ᠳᠤ ᠤᠷᠤᠭᠤᠯᠤᠨ᠂ ᠪᠡᠯᠴᠢᠭᠡᠷᠯᠡᠭᠦᠯᠬᠦ ᠶᠢ ᠵᠣᠭᠰᠣᠭᠠᠬᠤ ᠲᠠᠯᠠᠪᠠᠢ ᠨᠡᠶᠢᠳᠠ 734 ᠲᠦᠮᠡᠨ | ᠮᠣ᠋ ᠳᠤ ᠬᠦᠷᠪᠡ᠃ | — — ᠠᠷᠠᠳ ᠤᠨ ᠠᠮᠢᠳᠣᠷᠠᠯ ᠤᠨ ᠪᠠᠳᠣᠯᠠᠭᠠᠨ ᠤ ᠭᠢᠷᠢ ᠲᠦᠪᠰᠢᠨ ᠰᠢᠨ᠎ᠠ ᠲᠡᠭᠡᠭᠰᠢᠯᠡᠯᠳᠠ ᠲᠠᠢ ᠪᠣᠯᠪᠠ᠃ | ᠲᠠᠪᠣᠨ ᠵᠢᠯ ᠳᠤ ᠠᠷᠠᠳ ᠤᠨ ᠠᠮᠢᠳᠣᠷᠠᠯ ᠳᠤ ᠨᠠᠶᠢᠳᠠ 27.8 ᠳ᠋ᠦᠩᠰᠢᠭᠤᠷ ᠲᠦᠭᠦᠷᠢᠭ ᠤᠨ ᠪᠠᠯᠠ ᠣᠷᠣᠭᠤᠯᠵᠦ᠂ | ︽ᠠᠷᠪᠠᠨ ᠨᠢᠭᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠠᠴᠠ 2.7 ᠲᠠᠭᠢᠨ ᠪᠤᠯᠪᠠ᠃ | ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠰᠡᠭᠦᠯᠴᠢ ᠪᠤᠯᠬᠤ ᠳᠤ᠂ ᠬᠤᠳᠠ ᠪᠠᠯᠭᠠᠰᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠦᠮᠦᠨ ᠳᠣᠮᠳᠠᠴᠢ ᠶᠢᠨ ᠳᠣᠭᠢᠷᠠᠭᠤᠯᠵᠦ ᠪᠤᠯᠬᠤᠶᠢᠴᠠ ᠣᠷᠣᠯᠭ᠎ᠠ | 30645 ᠲᠦᠭᠦᠷᠢᠭ ᠲᠤ ᠬᠦᠷᠴᠤ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭ᠎ᠠ | ᠠᠴᠠ 74.5% ᠪᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 11.5% ᠪᠠᠷ ᠨᠡᠮᠡᠭᠳᠡᠵᠤ᠂ ᠮᠠᠯᠵᠢᠬᠤ ᠣᠷᠣᠨ ᠤ | ᠪᠠᠶᠢᠩᠭᠤ ᠰᠠᠭᠤᠭ᠎ᠠ ᠬᠦᠮᠦᠨ ᠠᠮᠠ ᠶᠢᠨ ᠭᠦᠮᠦᠨ ᠳᠣᠮᠳᠠᠴᠢ ᠶᠢᠨ ᠳᠣᠭᠢᠷᠠᠭᠤᠯᠵᠦ ᠪᠤᠯᠬᠤᠶᠢᠴᠠ ᠣᠷᠣᠯᠭ᠎ᠠ | 11223 ᠲᠦᠭᠦᠷᠢᠭ ᠲᠤ ᠬᠦᠷᠴᠤ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭ᠎ᠠ | ᠠᠴᠠ 113.5% ᠪᠠᠷ ᠨᠡᠮᠡᠭᠳᠡᠨ᠂ ᠵᠢᠯ ᠪᠦᠷᠢ ᠳᠤᠮᠳᠠᠴᠢ ᠪᠠᠷ 14.9% ᠪᠠᠷ ᠨᠡᠮᠡᠭᠳᠡᠪᠠ᠃ ᠦᠢᠯᠠᠰ ᠪᠣᠰᠬᠠᠨ | ᠠᠵᠢᠯ ᠤᠯᠭᠤᠬᠤ ᠠᠵᠢᠯ ᠤᠨ ᠦᠷ᠎ᠡ ᠪᠦᠳᠦᠮᠵᠢ ᠢᠯᠡᠷᠭᠡᠢ ᠪᠤᠯᠪᠠ᠃ ᠦᠨᠳᠦᠰᠦᠨ ᠱᠠᠳᠣᠨ ᠤ ᠠᠵᠢᠯ ᠣᠯᠭᠤᠯᠳᠠ | ᠪᠠ ᠨᠡᠶᠢᠭᠡᠮ ᠤᠨ ᠪᠠᠳᠣᠯᠠᠭ᠎ᠠ ᠶᠢᠨ ᠦᠢᠯᠡᠴᠢᠯᠡᠭᠡᠨ ᠤ ᠲᠦᠪ ᠠᠰᠢᠭᠯᠠᠯᠳᠠ ᠳᠤ ᠣᠷᠣᠪᠠ᠃ 300 ᠲᠦᠮᠡᠨ | ᠲᠦᠭᠦᠷᠢᠭ ᠤᠨ ᠦᠢᠯᠠᠰ ᠪᠣᠰᠬᠠᠬᠤ ᠭᠦᠭᠵᠢᠯᠳᠡ ᠶᠢᠨ ᠰᠠᠭᠤᠷᠢ ᠮᠦᠩᠭᠦ ᠶᠢ ᠪᠠᠶᠢᠭᠤᠯᠵᠦ᠂ ᠦᠢᠯᠠᠰ ᠪᠣᠰᠬᠠᠬᠤ | ᠭᠦᠰᠠᠯ ᠲᠠᠢ ᠬᠤᠳᠠ ᠭᠦᠳᠡᠭᠡ ᠶᠢᠨ ᠰᠠᠭᠤᠭᠠᠯᠢ ᠠᠷᠠᠳ ᠢ ᠪᠦᠭᠦᠨ ᠢ ᠲᠡᠳᠬᠦᠬᠦ ᠭᠡᠪᠴᠢᠶᠠᠨ ᠳᠤ ᠣᠷᠣᠭᠤᠯᠵᠦ᠂ | ᠲᠠᠪᠣᠨ ᠵᠢᠯ ᠳᠤ ᠨᠠᠶᠢᠳᠠ 5400 ᠲᠦᠮᠡᠨ ᠲᠦᠭᠦᠷᠢᠭ ᠤᠨ ᠵᠢᠭᠡᠯᠡᠯᠭᠡ ᠲᠠᠷᠬᠠᠭᠠᠵᠦ᠂ 520 ᠭᠦᠮᠦᠨ ᠤ ᠦᠢᠯᠠᠰ | ᠪᠣᠰᠬᠠᠬᠤ ᠶᠢ ᠲᠡᠮᠵᠢᠵᠦ᠂ 930 ᠭᠦᠮᠦᠨ ᠢ ᠲᠠᠶᠢᠴᠢᠯᠠᠨ ᠠᠵᠢᠯ ᠣᠯᠭᠤᠵᠦ᠂ ᠬᠤᠳᠠ ᠪᠠᠯᠭᠠᠰᠣᠨ ᠤ | ᠲᠠᠩᠰᠠᠯᠠᠭᠤᠯᠣᠭᠰᠠᠨ ᠠᠵᠢᠯ ᠠᠯᠳᠠᠭᠰᠠᠳ ᠤᠨ ᠨᠣᠷᠮ᠎ᠠ ᠶᠢ 3% ᠶᠢᠨ ᠳᠣᠳᠣᠷ᠎ᠠ ᠭᠢᠵᠠᠭᠠᠷᠯᠠᠪᠠ᠃ ᠶᠠᠳᠠᠭᠤ ᠶᠢ | ᠳᠡᠳᠬᠦᠵᠤ ᠨᠡᠭᠡᠭᠡᠨ ᠭᠦᠭᠵᠢᠭᠦᠯᠬᠦ ᠢᠨᠵᠧᠨᠧᠷᠢᠩ ᠢ ᠯᠠᠪᠳᠠᠭᠤᠨ ᠪᠠᠳᠣᠲᠠᠢ ᠲᠦᠯᠭᠢᠨ ᠠᠭᠢᠭᠤᠯᠪᠠ᠃ ︽ᠭᠤᠷᠪᠠ ᠶᠢ | ᠭᠠᠴᠠᠭ᠎ᠠ ᠪᠠ ᠡᠷᠦᠭᠡ ᠳᠤ ᠭᠦᠷᠭᠡᠬᠦ︾᠂ ᠶᠠᠳᠠᠭᠤ ᠶᠢ ᠤᠨᠤᠪᠴᠢᠲᠠᠢ ᠲᠡᠳᠬᠦᠬᠦ᠂ ᠮᠦᠩᠭᠦᠨ ᠭᠦᠢᠯᠭᠡᠭᠡ ᠪᠠᠷ | ᠶᠠᠳᠠᠭᠤ ᠶᠢ ᠲᠡᠳᠬᠦᠬᠦ ᠪᠠ ᠠᠮᠢ ᠠᠬᠤᠢ ᠠᠴᠠ ᠪᠣᠯᠵᠦ ᠠᠷᠠᠳ ᠢ ᠨᠡᠭᠦᠯᠭᠡᠨ ᠶᠠᠳᠠᠭᠤ ᠶᠢ ᠲᠡᠳᠭᠦᠭᠦ ᠢᠨᠵᠧᠨᠧᠷᠢᠩ ᠢ | ᠨᠠᠷᠢᠨ ᠨᠢᠮᠪᠡᠢ ᠵᠣᠭᠢᠶᠠᠨ ᠪᠠᠶᠢᠭᠤᠯᠣᠨ ᠭᠡᠷᠡᠭᠵᠢᠭᠦᠯᠵᠦ᠂ ᠲᠠᠪᠣᠨ ᠵᠢᠯ ᠳᠤ ᠨᠠᠶᠢᠳᠠ 9652 ᠲᠦᠮᠡᠨ ᠲᠦᠭᠦᠷᠢᠭ ᠤᠨ | ᠡᠯ᠎ᠡ ᠲᠦᠷᠦᠯ ᠤᠨ ᠶᠠᠳᠠᠭᠤ ᠶᠢ ᠲᠡᠳᠬᠦᠬᠦ ᠪᠠᠯᠠ ᠮᠦᠩᠭᠦ ᠵᠠᠷᠤᠴᠠᠭᠤᠯᠵᠤ᠂ 2013 ᠤᠨ ᠠᠴᠠ ᠨᠠᠰᠢ ᠮᠦᠩᠭᠦᠨ | ᠭᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ 1.5 ᠳ᠋ᠦᠩᠰᠢᠭᠤᠷ ᠲᠦᠭᠦᠷᠢᠭ ᠲᠠᠷᠬᠠᠭᠠᠵᠦ᠂ 4563 ᠶᠠᠳᠠᠭᠤ | ᠭᠦᠴᠢᠷᠳᠠᠯᠲᠠᠢ ᠮᠠᠯᠴᠢᠳ ᠤᠨ ᠳᠣᠭᠳᠠᠭᠤᠨ ᠢᠶᠠᠷ ᠶᠠᠳᠠᠭᠤ ᠠᠴᠠ ᠠᠩᠭᠢᠵᠢᠷᠠᠬᠤ ᠠᠰᠠᠭᠤᠳᠠᠯ ᠢ ᠰᠢᠢᠳᠪᠣᠷᠢᠯᠠᠨ᠂ | ᠶᠠᠳᠠᠭᠤ ᠶᠢᠨ ᠨᠣᠷᠮ᠎ᠠ 27 ᠵᠠᠭᠤᠨ ᠤ ᠬᠤᠪᠢ ᠪᠠᠷ ᠳᠣᠷᠣᠭᠰᠢᠯᠠᠪᠠ᠃ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ | ᠲᠠᠰᠣᠷᠠᠯᠳᠠ ᠦᠭᠡᠢ ᠲᠡᠭᠦᠯᠳᠡᠷᠵᠢᠪᠠ᠃ ᠶᠠᠷᠦᠩᠭᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ ᠲᠦᠪ ᠢ ᠠᠰᠢᠭᠯᠠᠯᠳᠠ ᠳᠤ | ᠣᠷᠣᠭᠤᠯᠪᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠲᠠᠭᠠᠳᠬᠠᠯ ᠤᠨ ᠲᠦᠷᠢᠮ ᠢ ᠪᠦᠬᠦ | ᠲᠠᠯ᠎ᠠ ᠪᠠᠷ ᠪᠦᠷᠭᠦᠭᠦᠯᠵᠦ᠂ ᠲᠣᠣᠷ᠎ᠠ ᠪᠠᠳᠣᠯᠠᠭ᠎ᠠ᠂ ᠳᠠᠪᠤᠨ ᠪᠠᠳᠤᠯᠠᠭ᠎ᠠ ᠶᠢᠨ ᠠᠰᠠᠷᠠᠮᠵᠢ᠂ ᠦᠨᠤᠴᠢᠨ ᠬᠡᠤᠬᠡᠳ ᠪᠠ | ᠬᠠᠷᠠᠭᠠᠯᠵᠠᠬᠤ ᠨᠢᠭᠤᠷᠯᠠᠯ ᠵᠡᠷᠭᠡ ᠬᠦᠮᠦᠰ ᠤᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠵᠢᠯ ᠳᠠᠷᠠᠭᠠᠯᠠᠨ | ᠳᠡᠭᠡᠭᠰᠢᠯᠡᠭᠦᠯᠪᠠ᠃ 870 ᠢᠵᠢ ᠭᠢᠮᠳᠠ ᠲᠦᠷᠢᠶᠠᠰᠣᠨ ᠭᠡᠷ᠂ 200 ᠢᠵᠢ ᠨᠡᠶᠢᠳᠠ ᠶᠢᠨ ᠲᠦᠷᠢᠶᠠᠰᠣᠨ ᠭᠡᠷ ᠢ | ᠪᠠᠶᠢᠭᠤᠯᠵᠦ᠂ ᠳᠣᠣᠷ᠎ᠠ ᠣᠷᠣᠯᠭ᠎ᠠ ᠲᠠᠢ ᠭᠦᠮᠦᠰ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠣᠷᠢᠯᠠᠪᠠ᠃ | — — ᠨᠡᠶᠢᠭᠡᠮ ᠤᠨ ᠠᠵᠢᠯ ᠦᠢᠯᠠᠰ ᠤᠨ ᠭᠦᠭᠵᠢᠯᠳᠠ ᠳᠤ ᠰᠢᠨ᠎ᠠ ᠪᠠᠶᠢᠳᠠᠯ ᠢᠯᠡᠷᠡᠪᠠ᠃ ᠰᠣᠷᠭᠠᠨ | ᠭᠦᠮᠦᠵᠢᠯ ᠤᠨ ᠦᠢᠯᠠᠰ ᠲᠦᠷᠭᠡᠨ ᠭᠦᠭᠵᠢᠪᠡ᠃ ᠲᠠᠪᠣᠨ ᠵᠢᠯ ᠳᠤ ᠰᠣᠷᠭᠠᠨ ᠭᠦᠮᠦᠵᠢᠯ ᠤᠨ ᠭᠦᠭᠵᠢᠯᠳᠡ ᠳᠤ 4. | 04 ᠳ᠋ᠦᠩᠰᠢᠭᠤᠷ ᠲᠦᠭᠦᠷᠢᠭ ᠤᠨ ᠪᠠᠯᠠ ᠮᠦᠩᠭᠦ ᠵᠠᠷᠤᠴᠠᠭᠤᠯᠵᠤ᠂ ᠮᠣᠩᠭᠤᠯ ᠳᠣᠮᠳᠠᠲᠦ ᠰᠣᠷᠭᠠᠭᠤᠯᠢ᠂ | ᠶᠡᠷᠦᠩᠭᠡᠶᠢᠯᠡᠭᠰᠡᠨ ᠦᠨᠳᠦᠷ ᠳᠣᠮᠳᠠᠲᠦ ᠰᠣᠷᠭᠠᠭᠤᠯᠢ᠂ ᠳᠣᠷᠰᠢᠯᠳᠠ ᠶᠢᠨ ᠨᠢᠭᠡᠳᠦᠭᠡᠷ ᠪᠠᠭ᠎ᠠ ᠰᠣᠷᠭᠠᠭᠤᠯᠢ᠂ | ᠦᠨᠳᠦᠰᠦᠳᠠᠨ ᠤ ᠭᠡᠣᠭᠡᠳ ᠤᠨ ᠴᠡᠴᠡᠷᠯᠢᠭ ᠰᠢᠨ᠎ᠠ ᠰᠠᠭᠤᠷᠢᠰᠢᠯ ᠳᠤ ᠨᠠᠭᠦᠨ ᠣᠷᠣᠵᠦ ᠂ ᠨᠢᠭᠡᠳᠦᠭᠡᠷ ᠳᠣᠮᠳᠠᠲᠦ | ᠰᠣᠷᠭᠠᠭᠤᠯᠢ ᠶᠢᠨ ᠰᠣᠷᠣᠭᠴᠢᠳ ᠤᠨ ᠪᠠᠶᠢᠷᠢ ᠶᠢᠨ ᠠᠰᠠᠷ ᠪᠠ ᠪᠠᠶ᠎ᠡ ᠲᠠᠮᠢᠷ ᠤᠨ ᠣᠷᠳᠣᠨ ᠢ ᠰᠢᠨ᠎ᠠ ᠪᠠᠷ | ᠪᠠᠶᠢᠭᠤᠯᠣᠨ᠂ ᠪᠠᠶᠢᠷᠢᠰᠢᠯ ᠨᠢ ᠲᠣᠭᠢᠷᠠᠮᠵᠢᠲᠠᠢ᠂ ᠦᠢᠯᠡᠳᠦᠯ ᠴᠢᠳᠠᠪᠭᠢ ᠨᠢ ᠪᠦᠷᠢᠨ ᠲᠡᠭᠦᠯᠳᠠᠷ ᠰᠣᠷᠭᠠᠨ | ᠭᠦᠮᠦᠵᠢᠯ ᠤᠨ ᠳᠣᠭᠤᠷᠢᠭ ᠢ ᠦᠨᠳᠦᠰᠦᠨ ᠳᠡᠭᠡᠨ ᠪᠦᠷᠢᠯᠳᠣᠭᠦᠯᠪᠠ᠃ ᠠᠯᠪᠠᠨ ᠵᠢᠷᠣᠮ ᠤᠨ ᠰᠣᠷᠭᠠᠨ ᠭᠦᠮᠦᠵᠢᠯ ᠢ | ᠲᠠᠩᠴᠠᠭᠦᠷᠢᠳᠠᠢ ᠭᠦᠭᠵᠢᠭᠦᠯᠬᠦ ᠣᠯᠣᠰ ᠤᠨ ᠲᠠᠰ ᠤᠨ ᠱᠠᠭᠠᠷᠳᠠᠨ ᠵᠢᠯᠣᠭᠤᠳᠬᠤ ᠵᠦᠪᠯᠡᠯ ᠤᠨ ᠭᠢᠨᠠᠨ ᠰᠢᠯᠭᠠᠯᠳᠠ | ᠪᠠᠷ ᠳᠠᠮᠵᠢᠨ᠂ ᠲᠠᠪᠣᠨ ᠳᠣᠮᠳᠠᠲᠦ ᠪᠠᠭ᠎ᠠ ᠰᠣᠷᠭᠠᠭᠤᠯᠢ ᠨᠢ ᠪᠦᠭᠦᠨ ᠢᠶᠠᠷ ᠢᠶᠠᠨ ᠪᠠᠷᠢᠮᠵᠢᠶᠠᠵᠢᠭᠰᠠᠨ ᠰᠣᠷᠭᠠᠭᠤᠯᠢ ᠶᠢᠨ | ᠱᠠᠭᠠᠷᠳᠠᠯᠭ᠎ᠠ ᠳᠤ ᠭᠦᠷᠴᠦ᠂ ᠳᠣᠷᠰᠢᠯᠳᠠ ᠶᠢᠨ ᠨᠢᠭᠡᠳᠦᠭᠡᠷ ᠪᠠᠭ᠎ᠠ ᠰᠣᠷᠭᠠᠭᠤᠯᠢ ᠨᠢ ︽ᠣᠯᠣᠰ ᠤᠨ ᠲᠠᠰ ᠤᠨ | ᠣᠨᠴᠠᠯᠢᠭᠲᠤ ᠭᠦᠯ ᠪᠦᠮᠪᠦᠭᠡ ᠶᠢᠨ ᠰᠣᠷᠭᠠᠭᠤᠯᠢ︾ ᠪᠠᠷ ᠦᠨᠡᠯᠡᠭᠳᠡᠨ᠂ ᠦᠨᠳᠦᠰᠦᠳᠠᠨ ᠤ ᠭᠡᠣᠭᠡᠳ ᠤᠨ ᠴᠡᠴᠡᠷᠯᠢᠭ | ᠨᠢ ︽ᠦᠪᠡᠷᠳᠡᠭᠡᠨ ᠵᠠᠰᠠᠬᠤ ᠣᠷᠣᠨ ᠤ ᠲᠠᠰ ᠤᠨ ᠵᠢᠱᠢᠶ᠎ᠠ ᠦᠵᠡᠬᠦᠯᠬᠦ ᠴᠡᠴᠡᠷᠯᠢᠭ︾ ᠢᠶᠠᠷ ᠴᠤᠯᠠᠯᠠᠭᠳᠠᠵᠤ᠂ | ᠮᠣᠩᠭᠤᠯ ᠳᠣᠮᠳᠠᠲᠦ ᠰᠣᠷᠭᠠᠭᠤᠯᠢ ᠨᠢ ︽ᠠᠶᠢᠮᠠᠭ ᠤᠨ ᠲᠠᠰ ᠤᠨ ᠦᠨᠳᠦᠰᠦᠳᠠᠨ ᠤ ᠰᠣᠷᠭᠠᠨ ᠭᠦᠮᠦᠵᠢᠯ ᠤᠨ | ᠰᠣᠳᠣᠨ ᠰᠣᠷᠭᠠᠭᠤᠯᠢ︾ ᠪᠠᠷ ᠦᠨᠡᠯᠡᠭᠳᠡᠪᠡ᠃ ᠪᠠᠭᠰᠢ ᠶᠢᠨ ᠡᠩᠨᠡᠭᠡ ᠶᠢ ᠳᠠᠰᠤᠷᠠᠯᠲᠠ ᠦᠭᠡᠢ ᠴᠢᠩᠭᠠᠳᠬᠠᠵᠦ᠂ | ᠲᠠᠪᠤᠨ ᠵᠢᠯ ᠳᠤ᠂ ᠨᠡᠶᠢᠲᠡ 130 ᠪᠠᠭᠰᠢ ᠡᠯᠰᠡᠵᠦ᠂ ᠵᠢᠭᠠᠨ ᠰᠣᠷᠭᠠᠬᠤ ᠶᠠᠰᠤ ᠴᠢᠨᠠᠷ ᠢ ᠳᠤᠭᠲᠠᠭᠤᠨ ᠢᠶᠠᠷ | ᠲᠡᠭᠡᠭᠰᠢᠯᠡᠭᠦᠯᠪᠠ᠃ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠪᠠ ᠪᠤᠯᠪᠠᠰᠤᠷᠠᠯ ᠤᠨ ᠠᠵᠢᠯ ᠢ ᠯᠠᠪᠳᠠᠭᠤᠨ | ᠢᠶᠠᠷ ᠳᠦᠯᠬᠢᠨ ᠠᠬᠢᠭᠤᠯᠵᠦ᠂ 5 ᠲᠦᠷᠦᠯ ᠤᠨ ᠬᠡᠷᠡᠭᠯᠡᠭᠡᠨ ᠤ ᠮᠡᠷᠭᠡᠵᠢᠯ ᠢ ᠣᠷᠣᠭᠤᠯᠣᠨ ᠳᠡᠯᠭᠡᠷᠡᠭᠦᠯᠵᠦ᠂ ᠮᠠᠯᠴᠢᠳ | ᠪᠠ ᠰᠢᠨᠵᠢᠯᠡᠭᠡ ᠮᠡᠷᠭᠡᠵᠢᠯᠲᠡᠳ ᠨᠡᠶᠢᠲᠡ 1.2 ᠲᠦᠮᠡᠨ ᠬᠦᠮᠦᠨ ᠤᠳᠠᠭ᠎ᠠ ᠪᠤᠯᠪᠠᠰᠤᠷᠠᠯ ᠳᠤ ᠤᠷᠤᠯᠴᠠᠪᠠ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠳᠤᠭᠲᠠᠭᠤᠨ ᠢᠶᠠᠷ ᠬᠦᠭᠵᠢᠪᠡ᠃ ᠠᠷᠠᠳ ᠤᠨ ᠡᠮᠨᠡᠯᠭᠡ ᠶᠢᠨ ᠬᠤᠷᠢᠶ᠎ᠠ᠂ | ᠬᠢᠵᠢᠭ ᠢ ᠰᠡᠷᠭᠡᠶᠢᠯᠡᠬᠦ ᠲᠦᠪ ᠢ ᠰᠢᠨ᠎ᠡ ᠪᠠᠷ ᠪᠠᠶᠢᠭᠤᠯᠬᠤ ᠪᠠ ᠮᠤᠩᠭᠤᠯ ᠡᠮᠨᠡᠯᠭᠡ ᠶᠢᠨ ᠬᠤᠷᠢᠶ᠎ᠡ ᠶᠢ ᠦᠷᠭᠡᠳᠭᠡᠨ | ᠵᠠᠰᠠᠬᠤ ᠢᠨᠵᠧᠨᠧᠷᠢᠩ ᠠᠰᠢᠭᠯᠠᠯᠲᠠ ᠳᠤ ᠣᠷᠣᠵᠦ᠂ ᠡᠬᠡ ᠨᠢᠯᠬᠠᠰ ᠤᠨ ᠡᠷᠡᠭᠦᠯᠵᠢᠯ ᠢ ᠪᠠᠳᠤᠯᠠᠬᠤ ᠬᠤᠷᠢᠶ᠎ᠠ ᠶᠢ | ᠪᠦᠭᠦᠶᠢᠯᠠ ᠴᠣᠭᠴᠠ ᠪᠠᠷ ᠨᠢ ᠨᠡᠭᠦᠯᠭᠡᠨ᠂ ᠮᠤᠩᠭᠤᠯ ᠡᠮᠨᠡᠯᠭᠡ ᠶᠢᠨ ᠬᠤᠷᠢᠶ᠎ᠡ ᠨᠢ ᠬᠤᠶᠠᠳᠤᠭᠠᠷ ᠳᠡᠰ ᠤᠨ | ᠬᠦᠬᠡᠭᠴᠢᠨ ᠲᠦᠷᠦᠯ ᠤᠨ ᠦᠡᠳᠦᠰᠦᠲᠡᠨ ᠤ ᠡᠮᠨᠡᠯᠭᠡ ᠤᠨ ᠬᠤᠷᠢᠶᠠᠨ ᠤ ᠬᠢᠨᠠᠨ ᠦᠨᠡᠯᠡᠯᠲᠡ ᠳᠤ ᠬᠢᠷᠢ ᠲᠡᠩᠴᠡᠵᠦ᠂ | 3 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠴᠦᠮ ᠠᠷᠡᠳ ᠲᠦᠮᠡᠨ ᠬᠠᠨᠤᠮᠵᠢᠲᠠᠢ ᠪᠠᠶᠢᠬᠤ | ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠬᠦᠷᠪᠡ᠃ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶᠠᠨ ᠤ | ᠶᠠᠷᠦᠩᠭᠡᠶᠢᠯᠡᠭᠰᠡᠨ ᠦᠭᠡᠷᠡᠴᠢᠯᠠᠯᠳᠠ ᠶᠢ ᠯᠠᠪᠳᠠᠭᠤᠨ ᠢᠶᠠᠷ ᠠᠬᠢᠭᠤᠯᠪᠠ᠃ ᠮᠤᠩᠭᠤᠯ ᠡᠮᠨᠡᠯᠭᠡ ᠶᠢᠨ ᠬᠤᠷᠢᠶᠠᠨ ᠤ | ᠶᠠᠷᠦᠩᠭᠡᠶᠢᠯᠡᠭᠰᠡᠨ ᠦᠢᠯᠡᠴᠢᠯᠡᠬᠦ ᠴᠢᠳᠠᠪᠤᠷᠢ ᠳᠠᠰᠤᠷᠠᠯᠲᠠ ᠦᠭᠡᠢ ᠳᠡᠭᠡᠭᠰᠢᠯᠡᠵᠤ᠂ ᠪᠤᠷᠵᠢᠬᠢᠨ ᠦᠭᠡᠬᠦ ᠶᠢ | ᠪᠠᠭᠤᠷᠠᠭᠤᠯᠬᠤ ᠬᠤᠮᠵᠢᠶ᠎ᠠ ᠡᠮ ᠵᠡᠷᠭᠡ 10 ᠮᠤᠩᠭᠤᠯ ᠡᠮ ᠤᠨ ᠲᠦᠷᠦᠯ ᠵᠦᠢᠯ ᠢ ᠦᠢᠯᠡᠳᠪᠦᠷᠢᠯᠡᠵᠤ ᠡᠬᠢᠯᠡᠪᠠ᠃ | ᠡᠷᠡᠭᠦᠯ ᠬᠠᠮᠠᠭᠠᠯᠠᠯ ᠤᠨ ᠬᠢᠨᠠᠯᠲᠠ ᠳᠠᠯᠪᠢᠬᠤ᠂ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠬᠦᠮᠦᠨ ᠠᠮᠨ | ᠪᠠ ᠲᠦᠯᠦᠪᠯᠡᠭᠡᠲᠤ ᠦᠷᠡᠵᠢᠯ ᠤᠨ ᠠᠵᠢᠯ ᠢ ᠴᠢᠩᠭᠠᠳᠬᠠᠪᠠ᠃ ᠰᠤᠶᠤᠯ ᠪᠡᠶ᠎ᠡ ᠲᠠᠮᠢᠷ ᠤᠨ ᠠᠵᠢᠯ ᠦᠢᠯᠡᠰ ᠪᠦᠬᠦ | ᠲᠠᠯ᠎ᠠ ᠪᠠᠷ ᠬᠦᠭᠵᠢᠪᠠ᠃ ᠴᠠᠬᠠᠷ ᠵᠠᠩ ᠦᠢᠯᠠ ᠰᠤᠶᠤᠯ ᠢ ᠰᠢᠰᠲ᠋ᠧᠮ ᠲᠠᠢ ᠠᠭᠤᠳᠠᠯᠯᠠᠨ ᠰᠢᠨᠵᠢᠯᠡᠵᠤ᠂ ᠠᠰᠠᠷ | ᠤᠷᠠᠯᠢᠭ ᠢ ᠰᠤᠳᠤᠯᠤᠨ ᠬᠦᠭᠵᠢᠭᠦᠯᠬᠦ ᠲᠦᠪ ᠢ ᠪᠠᠶᠢᠭᠤᠯᠵᠤ᠂ ︽ᠤᠩᠭᠤᠨ ᠰᠠᠭᠠᠷᠠᠯ︾ ᠪᠦᠵᠢᠭᠲᠦ ᠵᠦᠴᠦᠭᠡ ᠪᠠ | ︽ᠤᠷᠳᠤᠨ ᠤ ᠨᠠᠶᠢᠷᠠᠯ︾ ᠳᠠᠭᠤᠯᠠᠯᠲᠦ ᠵᠦᠴᠦᠭᠡ ᠶᠢ ᠠᠮᠵᠢᠯᠲᠠ ᠲᠠᠢ ᠲᠤᠭᠯᠠᠵᠦ᠂ ︽ᠠᠰᠠᠷ︾ ᠠᠶᠠᠯᠭᠤ ᠨᠢ | ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠲᠠᠢ ᠲᠦᠷᠦᠯ ᠵᠦᠢᠯ ᠳᠤ ᠡᠯᠰᠡᠭᠳᠡᠨ | ᠤᠷᠤᠪᠠ᠃ ᠮᠠᠨ ᠤ ᠬᠤᠰᠢᠭᠤ ᠨᠢ ︽ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠠᠵᠢᠯ ᠤᠨ ᠲᠡᠷᠢᠭᠦᠨ ᠤ | ᠬᠤᠰᠢᠭᠤ︾ ᠪᠠᠷ ᠴᠤᠯᠠᠯᠠᠭᠳᠠᠪᠠ᠃ ᠰᠤᠶᠤᠯ ᠤᠨ ᠤᠷᠳᠤᠨ ᠪᠠ ᠨᠤᠮ ᠤᠨ ᠰᠠᠩ ᠨᠢ ᠤᠯᠤᠰ ᠤᠨ ᠳᠡᠰ ᠤᠨ | ᠬᠤᠶᠠᠳᠤᠭᠠᠷ ᠳᠡᠰ ᠪᠠ ᠭᠤᠷᠪᠠᠳᠤᠭᠠᠷ ᠳᠡᠰ ᠤᠨ ᠤᠷᠳᠤᠨ ᠢᠶᠠᠷ ᠦᠨᠡᠯᠡᠭᠳᠡᠨ᠂ ᠬᠤᠶᠠᠷ ᠪᠠᠯᠭᠠᠰᠤᠨ ᠤ ᠰᠤᠶᠤᠯ ᠤᠨ | ᠤᠷᠳᠤᠨ ᠨᠢ ᠦᠪᠡᠷᠳᠡᠭᠡᠨ ᠵᠠᠰᠠᠬᠤ ᠤᠷᠤᠨ ᠤ ᠨᠢᠭᠡᠳᠤᠭᠡᠷ ᠳᠡᠰ ᠤᠨ ᠰᠤᠶᠤᠯ ᠤᠨ ᠤᠷᠳᠤᠨ᠂ ᠤᠯᠠᠭᠠᠨᠮᠤᠴᠢᠷ ᠨᠢ | ︽ᠦᠪᠡᠷᠳᠡᠭᠡᠨ ᠵᠠᠰᠠᠬᠤ ᠤᠷᠤᠨ ᠤ ᠨᠢᠭᠡᠳᠤᠭᠡᠷ ᠲᠦᠷᠦᠯ ᠤᠨ ᠤᠯᠠᠭᠠᠨᠮᠤᠴᠢᠷ︾ ᠢᠶᠠᠷ ᠦᠨᠡᠯᠡᠭᠳᠡᠪᠠ᠃ | ᠵᠢᠷᠭᠤᠳᠤᠭᠠᠷ ᠬᠤᠭᠤᠴᠠᠭᠠᠨ ᠤ ᠴᠠᠬᠠᠷ ᠵᠠᠩ ᠦᠢᠯᠨ ᠰᠤᠶᠤᠯ ᠤᠨ ᠨᠠᠶᠢᠷ ᠢ ᠡᠷᠬᠢᠯᠡᠨ ᠶᠠᠪᠤᠭᠳᠠᠭᠤᠯᠵᠤ᠂ ᠪᠦᠬᠦ | ᠤᠷᠤᠨ ᠤ ᠵᠠᠯᠠᠭᠤᠴᠤᠳ ᠪᠠᠭᠠᠴᠤᠳ ᠤᠨ ᠳᠡᠯᠡᠬᠡᠢ ᠶᠢᠨ ᠮᠠᠶ᠋ᠢᠭ ᠤᠨ ᠪᠦᠬᠡ ᠶᠢᠨ ᠮᠠᠩᠯᠠᠢ ᠰᠢᠯᠭᠠᠷᠠᠭᠤᠯᠬᠤ | ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ︽ᠠᠰᠠᠷ ᠤᠨ ᠦᠨᠳᠤᠷ︾ ᠴᠠᠭᠠᠨ ᠰᠠᠷ᠎ᠠ ᠶᠢᠨ ᠦᠳᠡᠰᠢᠯᠡᠭᠡ᠂ ︽ | ᠴᠠᠬᠠᠷ ᠬᠤᠨᠳᠠᠭᠠᠲᠤ︾ ᠮᠤᠩᠭᠤᠯ ᠰᠢᠯᠦᠭ ᠤᠨ ᠤᠷᠤᠯᠳᠤᠭᠠᠨ ᠪᠠ ︽ᠴᠠᠬᠠᠷ ᠬᠤᠨᠳᠠᠭᠠᠲᠤ︾ ᠦᠨᠳᠦᠰᠦᠲᠡᠨ ᠤ | ᠬᠤᠪᠴᠠᠰᠦ ᠵᠠᠰᠠᠯ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ᠡᠯ᠎ᠡ ᠵᠦᠢᠯ ᠤᠨ ᠤᠯᠠᠨ ᠲᠦᠮᠡᠨᠴᠢ | ᠴᠢᠨᠠᠷᠲᠠᠢ ᠰᠤᠶᠤᠯ ᠤᠨ ᠠᠵᠢᠯᠯᠠᠭ᠎ᠠ ᠶᠢ ᠬᠦᠭᠵᠢᠶᠡᠨᠲᠠᠢ ᠦᠷᠨᠢᠭᠦᠯᠵᠤ᠂ ᠦᠪᠡᠷᠳᠡᠭᠡᠨ ᠵᠠᠰᠠᠬᠤ ᠤᠷᠤᠨ ᠤ ᠰᠤᠶᠤᠯ | ᠲᠠᠮᠢᠷ ᠤᠨ ᠳᠤᠪᠴᠢᠶᠡᠨ ᠠᠴᠠ ᠮᠠᠨ ᠤ ᠬᠤᠰᠢᠭᠤ ᠶᠢ ︽ᠪᠦᠬᠦ ᠤᠷᠤᠨ ᠤ ᠰᠢᠳᠠᠷ᠎ᠠ ᠶᠢᠨ ᠦᠯᠦᠭᠡᠢ︾ ᠪᠠᠷ | ᠨᠡᠷᠡᠶᠢᠳᠤᠪᠠ᠃ ᠷᠠᠳᠢᠤ᠋ ᠨᠡᠪᠳᠡᠷᠡᠭᠦᠯᠭᠡ ᠲᠧᠯᠸᠢᠰ ᠤᠨ ᠦᠢᠯᠠᠰ ᠳᠣᠭᠳᠠᠭᠤᠨ ᠭᠦᠭᠵᠢᠵᠦ᠂ ᠠᠶᠢᠮᠠᠭ ᠬᠤᠰᠢᠭᠤᠨ ᠤ | ᠦᠪᠡᠷᠳᠡᠭᠡᠨ ᠡᠷᠭᠢᠯᠡᠭᠰᠡᠨ ᠫᠷᠦᠭᠷᠡᠮ ᠤᠨ ᠪᠦᠷᠭᠦᠴᠠ 92% ᠳᠤ ᠭᠦᠷᠪᠠ᠃ ᠤᠶᠤᠨ ᠤ ᠪᠤᠯᠪᠠᠰᠤᠨ ᠢ ᠡᠭᠦᠳᠤᠨ | ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠭᠡᠪ ᠴᠢᠨᠠᠷ | ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠪᠡᠷᠳᠡᠭᠡᠨ ᠵᠠᠰᠠᠬᠤ ᠤᠷᠤᠨ ᠤ ︽ᠪᠤᠯᠪᠠᠰᠤᠨ ᠬᠤᠰᠢᠭᠤ ᠰᠢᠶᠡᠨ | ᠬᠤᠲᠠ︾ ᠪᠠᠷ ᠦᠨᠡᠯᠡᠭᠳᠡᠪᠠ᠃ ᠵᠦᠷᠢᠴᠡᠯ ᠵᠢᠭᠤᠷᠭᠠᠨ ᠢ ᠪᠠᠶᠢᠴᠠᠭᠠᠨ ᠡᠶᠡᠳᠡᠭᠦᠯᠬᠦ ᠠᠵᠢᠯ ᠢ ᠬᠦᠨᠵᠡᠭᠡᠢ | ᠦᠷᠨᠢᠭᠦᠯᠵᠦ᠂ ᠭᠠᠵᠠᠷ ᠤᠨ ᠳᠡᠰ ᠤᠨ ᠤᠳᠤᠷᠢᠳᠤᠯᠭ᠎ᠠ ᠨᠢ ᠡᠳᠦᠷ ᠪᠦᠷᠢ ᠵᠠᠬᠢᠳᠠᠯ ᠰᠤᠷᠪᠤᠯᠵᠢᠯᠠᠭ᠎ᠠ ᠬᠦᠯᠢᠶᠡᠬᠦ ᠪᠠ | ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ | ᠨᠢᠭᠡ ᠪᠦᠯᠦᠭ ᠲᠠᠷᠣᠭᠳᠠᠵᠦ ᠪᠠᠶᠢᠭᠰᠠᠨ ᠵᠠᠭᠢᠳᠠᠯ ᠰᠣᠷᠪᠣᠯᠵᠢᠯᠠᠭ᠎ᠠ ᠶᠢᠨ ᠣᠴᠢᠷ ᠢ ᠡᠶᠡᠳᠡᠭᠦᠯᠦᠨ ᠰᠢᠢᠳᠪᠣᠷᠢᠯᠡᠵᠦ᠂ | ᠠᠷᠠᠳ ᠤᠯᠠᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃ ᠬᠠᠤᠯᠢ ᠶᠢ ᠲᠦᠭᠡᠮᠡᠯᠵᠢᠭᠦᠯᠦᠨ | ᠬᠠᠤᠯᠢ ᠪᠠᠷ ᠵᠠᠰᠠᠬᠤ ᠠᠵᠢᠯ ᠢ ᠭᠦᠨᠵᠡᠭᠡᠢ ᠦᠷᠨᠢᠭᠦᠯᠦᠨ᠂ ︽ᠵᠢᠷᠭᠤᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠬᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠣᠯᠠᠨ ᠨᠠᠶᠢᠳᠠ ᠶᠢᠨ ᠬᠠᠣᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮ ᠢ ᠡᠳᠦᠷ ᠢᠷᠡᠭᠦᠶ᠎ᠠ ᠳᠡᠭᠦᠯᠳᠡᠷᠵᠢᠭᠦᠯᠦᠨ᠂ ︽ᠦᠪᠡᠷᠳᠡᠭᠡᠨ ᠵᠠᠰᠠᠬᠤ ᠤᠷᠤᠨ ᠤ | ᠠᠩᠬᠠᠳᠠᠭᠴᠢ ᠪᠦᠯᠦᠭ ᠬᠠᠤᠯᠢ ᠪᠠᠷ ᠬᠤᠰᠢᠭᠤ ᠪᠠᠨ ᠵᠠᠰᠠᠬᠤ ᠶᠢ ᠡᠭᠦᠳᠦᠨ ᠪᠠᠶᠢᠭᠤᠯᠬᠤ ᠠᠵᠢᠯᠯᠠᠭᠠᠨ ᠤ ᠲᠡᠷᠢᠭᠦᠨ ᠤ | ᠨᠢᠭᠡᠴᠡ︾ ᠪᠠᠷ ᠦᠨᠡᠯᠡᠭᠳᠡᠪᠠ᠃ ︽ᠨᠠᠮ ᠵᠠᠰᠠᠭ ᠠᠴᠠ ᠬᠠᠮᠳᠣ ᠳᠠᠭᠠᠨ ᠬᠠᠷᠢᠭᠤᠴᠠᠬᠤ᠂ ᠨᠢᠭᠡ ᠠᠵᠢᠯ ᠤᠨ ᠪᠠᠶᠢᠷᠢ | ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠬᠡᠷᠡᠭᠵᠢᠭᠦᠯᠦᠨ᠂ ᠠᠶᠣᠯᠭᠦᠢ ᠦᠢᠯᠡᠳᠪᠤᠷᠢᠯᠡᠯ ᠤᠨ ᠠᠵᠢᠯ | ᠢ ᠡᠷᠴᠢᠮᠲᠠᠢ ᠠᠳᠬᠤᠵᠤ᠂ ᠪᠦᠬᠦ ᠬᠤᠰᠢᠭᠤᠨ ᠤ ᠠᠶᠤᠯᠭᠦᠢ ᠦᠢᠯᠡᠳᠪᠤᠷᠢᠯᠡᠯ ᠤᠨ ᠳᠤᠭᠲᠠᠭᠤᠨ ᠢ ᠪᠠᠲᠤᠯᠠᠪᠠ᠃ | ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠤᠷ ᠳᠦᠪᠰᠢᠨ ᠢ ᠳᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ | ᠢᠳᠡᠪᠬᠢᠲᠠᠢ ᠦᠷᠨᠢᠭᠦᠯᠵᠦ᠂ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠬᠡᠷᠡᠭᠯᠡᠯᠲᠡ ᠶᠢᠨ ᠠᠮᠦᠷ ᠳᠦᠪᠰᠢᠨ ᠢ | ᠪᠠᠲᠤᠯᠠᠪᠠ᠃ ᠬᠠᠯᠠᠭᠤᠨ ᠳᠣᠳᠣᠨᠣᠰᠤᠭ ᠡᠩᠭᠡ ᠠᠮᠣᠭᠤᠯᠠᠩ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ | ᠦᠷᠨᠢᠭᠦᠯᠦᠨ᠂ ᠨᠡᠶᠢᠭᠡᠮ ᠤᠨ ᠠᠮᠤᠷ ᠳᠤᠭᠲᠠᠭᠤᠨ ᠤ ᠡᠮᠭᠢ ᠲᠢᠭᠯᠢᠮ ᠢ ᠦᠷᠭᠦᠯᠵᠢᠯᠠᠨ ᠰᠠᠶᠢᠵᠢᠷᠠᠭᠤᠯᠵᠤ᠂ ᠠᠷᠠᠳ | ᠤᠯᠠᠨ ᠤ ᠠᠮᠤᠷ ᠲᠠᠶᠢᠪᠤᠩ ᠪᠠ ᠬᠠᠨᠤᠮᠵᠢᠲᠠᠢ ᠪᠠᠶᠢᠬᠤ ᠶᠢ ᠪᠠᠳᠤᠯᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ | ᠬᠤᠶᠠᠷ ᠢ ᠭᠦᠷᠢᠶᠠᠯᠠᠬᠦ ᠠᠵᠢᠯ ᠤᠨ ᠦᠷ᠎ᠡ ᠪᠦᠲᠦᠮᠵᠢ ᠳᠤᠪᠤᠶᠢᠮ᠎ᠠ ᠪᠠᠶᠢᠵᠦ᠂ ︽ᠦᠪᠡᠷᠳᠡᠭᠡᠨ ᠵᠠᠰᠠᠬᠤ ᠤᠷᠤᠨ ᠤ | ᠬᠤᠶᠠᠷ ᠢ ᠭᠦᠷᠢᠶᠠᠯᠠᠬᠦ ᠵᠢᠱᠢᠶᠡᠴᠢ ᠬᠤᠰᠢᠭᠤ︾ ᠶᠢᠨ ᠢᠷᠠᠭᠤ ᠠᠯᠳᠠᠷ ᠢ ᠳᠠᠬᠢᠨᠲᠠ ᠬᠦᠷᠲᠡᠪᠡ᠃ ᠦᠨᠳᠦᠰᠦᠲᠡᠨ | ᠱᠠᠰᠢᠨ ᠰᠣᠷᠳᠠᠬᠤᠨ᠂ ᠳᠠᠩᠰᠠ ᠡᠪᠬᠡᠮᠡᠯ᠂ ᠲᠡᠦᠬᠡ ᠴᠠᠳᠢᠭ᠂ ᠠᠭᠠᠷ ᠤᠨ ᠰᠡᠷᠭᠡᠶᠢᠯᠡᠯᠲᠡ᠂ ᠴᠠᠭ ᠠᠭᠤᠷ᠂ | ᠵᠡᠮᠳᠡᠭᠴᠣᠳ᠂ ᠤᠯᠠᠭᠠᠨ ᠵᠠᠯᠮᠠᠭᠠᠶᠢᠳᠠᠨ᠂ ᠡᠮᠡᠭᠲᠡᠶᠢᠴᠤᠳ ᠬᠡᠦᠬᠡᠳ ᠵᠡᠷᠭᠡ ᠡᠯ᠎ᠡ ᠲᠦᠷᠦᠯ ᠤᠨ ᠠᠵᠢᠯ ᠦᠢᠯᠡᠰ | ᠦᠳᠳᠡᠷ ᠲᠦᠷᠭᠡᠨ ᠭᠦᠭᠵᠢᠪᠠ᠃ | — — ᠭᠤᠣᠯᠳᠠᠭᠠᠯᠲᠦ ᠭᠦᠷᠢᠶ᠎ᠡ ᠭᠡᠪᠴᠢᠶᠠᠨ ᠤ ᠦᠭᠡᠷᠡᠴᠢᠯᠠᠯᠳᠠ ᠰᠢᠨ᠎ᠠ ᠰᠢᠪᠳᠣᠯᠣᠯᠳᠠ ᠲᠠᠢ ᠪᠣᠯᠪᠠ᠃ | ᠦᠭᠡᠷᠡᠴᠢᠯᠡᠯᠲᠡ ᠶᠢ ᠪᠦᠬᠦ ᠲᠠᠯ᠎ᠠ ᠪᠠᠷ ᠳᠦᠯᠬᠢᠨ ᠠᠬᠢᠭᠤᠯᠵᠦ᠂ ᠠᠵᠦ ᠠᠬᠤᠢ᠂ ᠠᠮᠢ ᠠᠬᠤᠢ ᠪᠠ ᠨᠡᠶᠢᠭᠡᠮ ᠤᠨ | ᠪᠠᠶᠢᠭᠤᠯᠤᠮᠵᠢ ᠶᠢᠨ ᠬᠦᠷᠢᠶ᠎ᠡ ᠴᠠᠷ᠎ᠠ ᠳᠠᠬᠢ 113 ᠲᠦᠷᠦᠯ ᠵᠦᠢᠯ ᠳᠤ ᠦᠭᠡᠷᠡᠴᠢᠯᠡᠯᠲᠡ ᠬᠢᠪᠠ᠃ ᠵᠠᠰᠠᠭ ᠵᠠᠬᠢᠷᠭᠠᠨ | ᠤ ᠡᠷᠬᠡ ᠶᠢᠨ ᠨᠠᠷᠢᠨ ᠳᠠᠩᠰᠠ ᠶᠢ ᠨᠡᠶᠢᠭᠡᠮ ᠳᠤ ᠢᠯᠠ ᠪᠠᠷ ᠨᠡᠶᠢᠲᠡᠯᠡᠵᠦ᠂ 23 ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ᠂ 50 ᠵᠠᠰᠠᠭ ᠵᠠᠬᠢᠷᠭᠠᠨ ᠤ ᠪᠤᠰᠤ ᠵᠦᠪᠰᠢᠶᠡᠷᠡᠯ᠂ 163 ᠳᠡᠭᠡᠭᠰᠢ ᠳᠡᠪᠰᠢᠭᠦᠯᠵᠦ ᠳᠤᠷᠤᠭᠰᠢ | ᠪᠠᠭᠤᠯᠭᠠᠬᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠦᠷᠦᠯ ᠵᠦᠢᠯ ᠢ ᠬᠦᠴᠦᠨ ᠦᠭᠡᠢ ᠪᠤᠯᠭᠠᠵᠦ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠤᠨ ᠴᠠᠭ ᠬᠤᠭᠤᠴᠠᠭ᠎ᠠ ᠤᠤᠯ ᠤᠨ ᠳᠡᠭᠰᠢᠳᠭᠡᠭᠡᠳ 20 ᠡᠳᠦᠷ ᠪᠠᠶᠢᠭᠰᠠᠨ ᠢ | ᠪᠤᠭᠤᠨᠢᠰᠬᠠᠵᠤ 5 ᠡᠳᠦᠷ ᠪᠤᠯᠭᠠᠪᠠ᠃ ︽ᠭᠤᠷᠪᠠᠨ ᠦᠨᠡᠮᠯᠡᠯ ᠢ ᠨᠢᠭᠡᠳᠬᠡᠵᠦ᠂ ᠦᠨᠡᠮᠯᠡᠯ ᠪᠤᠯᠭᠠᠨ ᠳᠤ ᠨᠤᠮᠧᠷ ᠲᠠᠢ | ᠪᠠᠶᠢᠬᠤ︾ ᠦᠢᠯᠡᠳᠪᠤᠷᠢ ᠬᠤᠳᠠᠯᠳᠤᠭᠠᠨ ᠤ ᠲᠠᠩᠰᠠᠯᠠᠨ ᠲᠡᠮᠳᠡᠭᠯᠡᠬᠦ ᠳᠦᠷᠢᠮ ᠤᠨ ᠦᠭᠡᠷᠡᠴᠢᠯᠠᠯᠳᠠ ᠶᠢ ᠪᠦᠬᠦ ᠲᠠᠯ᠎ᠠ | ᠪᠠᠷ ᠬᠡᠷᠡᠭᠵᠢᠭᠦᠯᠪᠡ᠃ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠢᠳᠡᠭᠡᠨ ᠣᠮᠳᠠᠭᠠᠨ ᠡᠮ ᠤᠨ ᠵᠦᠢᠯᠠᠰ | ᠦᠯᠡᠳᠪᠦᠷᠢ ᠬᠤᠳᠠᠯᠳᠤᠭᠠᠨ ᠤ ᠶᠠᠰᠣ ᠴᠢᠨᠠᠷ ᠤᠨ ᠬᠢᠨᠠᠯᠲᠠ᠂ ᠲᠠᠯ᠎ᠠ ᠨᠣᠳᠤᠭ ᠤᠨ ᠭᠢᠨᠠᠨ ᠬᠠᠮᠢᠶᠠᠷᠣᠯᠳᠠ ᠣᠷᠴᠢᠨ | ᠳᠣᠭᠤᠷᠢᠨ ᠢ ᠬᠠᠮᠠᠭᠠᠯᠠᠬᠤ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠵᠡᠷᠭᠡ ᠰᠠᠯᠠᠭ᠎ᠠ ᠮᠦᠴᠢᠷ ᠤᠨ | ᠪᠠᠶᠢᠭᠤᠯᠤᠮᠵᠢ ᠶᠢᠨ ᠦᠭᠡᠷᠡᠴᠢᠯᠠᠯᠳᠠ ᠶᠢᠨ ᠡᠭᠦᠷᠭᠡ ᠶᠢ ᠪᠡᠶᠡᠯᠡᠭᠦᠯᠵᠦ᠂ ᠦᠯᠦ ᠬᠦᠳᠡᠯᠬᠦ ᠬᠦᠷᠦᠩᠭᠡ ᠶᠢ ᠲᠠᠩᠰᠠᠯᠠᠨ | ᠲᠡᠮᠳᠡᠭᠯᠡᠬᠦ ᠲᠦᠪ᠂ ᠬᠤᠲᠠ ᠭᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠦᠭᠡᠷᠡᠴᠢᠯᠠᠯᠳᠠ ᠪᠠ ᠡᠳ᠋ ᠬᠦᠷᠦᠩᠭᠡ | ᠶᠢᠨ ᠬᠠᠮᠢᠶᠠᠷᠣᠯᠳᠠ ᠶᠢᠨ ᠬᠢᠵᠠᠭᠠᠷᠲᠦ ᠺᠤᠮᠫᠠᠨᠢ ᠶᠢ ᠪᠠᠶᠢᠭᠤᠯᠪᠠ᠃ ᠦᠪᠡᠷᠳᠡᠭᠡᠨ ᠵᠠᠰᠠᠬᠤ ᠤᠷᠤᠨ ᠤ ᠨᠤᠲᠤᠭ | ᠪᠡᠯᠴᠢᠭᠡᠷ ᠤᠨ ᠡᠷᠭᠡ ᠶᠢ ᠲᠤᠳᠤᠷᠬᠠᠶᠢᠯᠠᠨ ᠳᠠᠩᠰᠠᠯᠠᠬᠤ ᠳᠤᠷᠰᠢᠯᠲᠠ ᠤᠨ ᠴᠢᠭ ᠤᠨ ᠠᠵᠢᠯ ᠢ ᠪᠡᠶᠡᠯᠡᠭᠦᠯᠪᠡ᠃ | ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠬᠦᠯᠦᠰᠦ᠂ ᠨᠠᠰᠤᠵᠢᠯ ᠤᠨ ᠳᠠᠭᠠᠳᠬᠠᠯ ᠤᠨ | ᠳᠦᠷᠢᠮ ᠤᠨ ᠦᠭᠡᠷᠡᠴᠢᠯᠡᠯᠲᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠪᠠᠶᠢᠭᠤᠯᠤᠯᠭ᠎ᠠ ᠶᠢᠨ ᠠᠯᠪᠠᠲᠠᠨ ᠤ | ᠡᠭᠦᠷᠭᠡ ᠳᠤᠰᠢᠶᠠᠯ ᠪᠤᠯᠤᠨ ᠳᠣᠰᠢᠶᠠᠯ ᠤᠨ ᠳᠡᠰ ᠢ ᠵᠡᠷᠭᠡ ᠳᠤᠨᠢ ᠭᠡᠷᠡᠭᠵᠢᠭᠦᠯᠬᠦ ᠳᠦᠷᠢᠮ ᠢ ᠨᠠᠶᠢᠳᠠᠪᠤᠷᠵᠢᠭᠤᠯᠪᠠ᠃ | ︽ᠭᠦᠪᠡᠭᠡᠲᠦ ᠰᠢᠷ᠎ᠠ ᠬᠤᠰᠢᠭᠤᠨ ᠤ ᠴᠢᠯᠠᠭᠤᠨ ᠳᠣᠰᠣ᠂ ᠪᠠᠶᠢᠭᠠᠯᠢ ᠶᠢᠨ ᠰᠢᠳᠠᠮᠠᠬᠠᠢ ᠭᠡᠢ ᠶᠢ ᠬᠠᠶᠢᠨ ᠰᠢᠨᠵᠢᠯᠡᠵᠦ | ᠨᠡᠭᠡᠭᠡᠨ ᠭᠦᠭᠵᠢᠭᠦᠯᠬᠦ ᠠᠵᠦ ᠠᠬᠤᠶᠢᠯᠠᠯ ᠤᠨ ᠠᠰᠢᠭ ᠤᠯᠵᠠᠪᠤᠷᠢ ᠪᠠᠨ ᠮᠠᠯᠴᠢᠳ ᠲᠠᠢ ᠣᠷᠳᠦ ᠬᠤᠭᠤᠴᠠᠭ᠎ᠠ ᠪᠠᠷ | ᠬᠠᠮᠳᠣᠪᠠᠷ ᠡᠳ᠋ᠯᠡᠬᠦ ᠠᠷᠭ᠎ᠠ︾ ᠪᠠ ︽ᠭᠦᠪᠡᠭᠡᠲᠦ ᠰᠢᠷ᠎ᠠ ᠬᠤᠰᠢᠭᠤᠨ ᠤ ᠠᠭᠤᠷᠬᠠᠢ ᠶᠢᠨ ᠠᠵᠦ ᠠᠬᠤᠶᠢᠯᠠᠯ ᠤᠨ | ᠣᠷᠴᠢᠨ ᠳᠣᠭᠤᠷᠢᠨ ᠤ ᠵᠠᠰᠠᠯᠲᠠ ᠵᠢᠴᠢ ᠠᠵᠦ ᠠᠬᠤᠶᠢᠯᠠᠯ ᠤᠨ ᠠᠰᠢᠭ ᠤᠯᠵᠠᠪᠤᠷᠢ ᠪᠠᠨ ᠮᠠᠯᠴᠢᠳ ᠲᠠᠢ ᠬᠠᠮᠳᠣᠪᠠᠷ | ᠡᠳ᠋ᠯᠡᠬᠦ ᠠᠷᠭ᠎ᠠ︾ ᠶᠢ ᠳᠣᠭᠳᠠᠭᠠᠪᠠ᠃ | — — ᠵᠠᠰᠠᠭ ᠤᠨ ᠣᠷᠳᠣᠨ ᠤ ᠳᠣᠰ ᠪᠠᠶ᠎ᠡ ᠶᠢᠨ ᠪᠠᠶᠢᠭᠤᠯᠣᠯᠳᠠ ᠰᠢᠨ᠎ᠠ ᠦᠷ᠎ᠡ ᠪᠦᠳᠦᠮᠵᠢ ᠣᠯᠪᠠ᠃ | ᠲᠥᠪ ᠤᠨ ︽ᠨᠠᠢᠮᠠᠨ ᠵᠣᠷᠪᠣᠰ︾ ᠳᠣᠭᠳᠠᠭᠠᠯ ᠪᠠ ᠲᠦᠷᠦ ᠶᠢᠨ ᠶᠠᠪᠣᠳᠠᠯ ᠤᠨ ᠬᠤᠷᠢᠶ᠎ᠠ ᠶᠢᠨ ︽ᠰᠠᠭᠢᠯᠭ᠎ᠠ ᠲᠦᠷᠢᠮ | ᠤᠨ ᠳᠣᠭᠳᠠᠭᠠᠯ︾ ᠢ ᠨᠠᠷᠢᠨ ᠭᠢᠨᠠᠮᠠᠭᠠᠢ ᠨᠠᠶᠢᠳᠠᠪᠣᠷᠢᠵᠢᠭᠤᠯᠵᠦ᠂ ᠨᠠᠮ ᠤᠨ ᠣᠯᠣᠰ ᠲᠦᠷᠦ ᠶᠢᠨ ᠰᠠᠭᠢᠯᠭ᠎ᠠ ᠪᠠᠳᠣ ᠪᠠ | ᠣᠯᠣᠰ ᠲᠦᠷᠦ ᠶᠢᠨ ᠰᠠᠭᠢᠯᠭ᠎ᠠ ᠲᠦᠷᠢᠮ ᠢ ᠴᠢᠩᠭ᠎ᠠ ᠰᠠᠭᠢᠪᠠ᠃ ᠨᠠᠮ ᠤᠨ ᠣᠯᠠᠨᠴᠢ ᠲᠦᠮᠡᠨᠴᠢ ᠱᠣᠭᠤᠮ ᠤᠨ | ᠭᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠭᠤᠷᠪᠠᠨ ᠴᠢᠩᠭ᠎ᠠ ᠭᠤᠷᠪᠠᠨ ᠪᠣᠳᠠᠲᠠᠢ︾ ᠳᠣᠰᠬᠠᠢ ᠰᠠᠳᠣᠪᠲᠦ | ᠭᠦᠮᠦᠵᠢᠯ ᠢ ᠭᠦᠨᠵᠡᠭᠡᠢ ᠦᠷᠨᠢᠭᠦᠯᠦᠨ᠂ ︽ᠲᠦᠷᠪᠠᠨ ᠰᠤᠷᠳᠠᠯ︾ ᠤᠨ ᠳᠤᠪᠤᠶᠢᠮ᠎ᠠ ᠠᠰᠠᠭᠤᠳᠠᠯ ᠢ ᠬᠦᠨᠵᠡᠭᠡᠢ | ᠴᠡᠭᠴᠡᠯᠡᠨ ᠵᠠᠰᠠᠵᠤ᠂ ᠪᠠᠶᠢᠭᠤᠯᠣᠯᠭ᠎ᠠ ᠶᠢᠨ ᠺᠠᠳ᠋ᠷ ᠤᠨ ᠭᠡᠪ ᠰᠣᠷᠳᠠᠯ ᠢᠯᠡᠷᠭᠡᠢ ᠰᠠᠶᠢᠵᠢᠷᠠᠵᠦ᠂ ᠵᠠᠰᠠᠭ ᠵᠠᠭᠢᠷᠭᠠᠨ ᠤ | ᠴᠢᠳᠠᠪᠬᠢ ᠪᠠ ᠵᠠᠰᠠᠭ ᠤᠨ ᠣᠷᠳᠣᠨ ᠤ ᠭᠡᠷᠡᠭᠵᠢᠭᠦᠯᠬᠦ ᠭᠦᠴᠦᠨ ᠪᠦᠬᠦ ᠲᠠᠯ᠎ᠠ ᠪᠠᠷ ᠲᠡᠭᠡᠭᠰᠢᠯᠡᠪᠡ᠃ ᠵᠠᠰᠠᠭ ᠤᠨ | ᠣᠷᠳᠣᠨ ᠤ ᠬᠤᠳᠠᠯᠳᠣᠨ ᠠᠪᠬᠤ ᠪᠠ ᠲᠠᠭᠠᠭᠠᠴᠢᠯᠠᠯᠳᠠ ᠵᠠᠷᠯᠠᠬᠤ ᠶᠠᠪᠣᠴᠠ ᠶᠢ ᠲᠦᠷᠢᠮᠵᠢᠭᠦᠯᠵᠦ᠂ ︽ᠭᠤᠷᠪᠠᠨ | ᠴᠢᠬᠤᠯᠠ ᠨᠢᠭᠡ ᠳᠣᠮᠣ︾ ᠰᠢᠢᠳᠪᠣᠷᠢᠲᠦ ᠪᠣᠳᠣᠯᠭ᠎ᠠ ᠶᠢᠨ ᠲᠦᠷᠢᠮ ᠢ ᠭᠢᠨᠠᠮᠠᠭᠠᠢ ᠨᠠᠶᠢᠳᠠᠪᠣᠷᠢᠵᠢᠭᠤᠯᠪᠠ᠃ ᠵᠠᠰᠠᠭ | ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠬᠦ ᠲᠦᠷᠢᠮ ᠢ ᠪᠠᠶᠢᠭᠤᠯᠣᠨ᠂ ᠬᠠᠣᠯᠢ ᠶᠣᠰᠣᠭᠠᠷ ᠵᠠᠰᠠᠭ ᠪᠠᠷᠢᠬᠤ ᠪᠠ | ᠰᠢᠨᠵᠢᠯᠡᠬᠦ ᠣᠬᠠᠭᠠᠨᠴᠢ ᠠᠷᠠᠳᠴᠢᠯᠠᠯ ᠤᠨ ᠰᠢᠢᠳᠪᠣᠷᠢᠲᠦ ᠪᠣᠳᠣᠯᠭ᠎ᠠ ᠶᠢ ᠪᠠᠳᠣᠲᠠᠢ ᠲᠦᠯᠭᠢᠨ ᠠᠭᠢᠭᠤᠯᠵᠦ᠂ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠠᠶᠢᠩᠭᠤ ᠶᠢᠨ ᠬᠤᠷᠢᠶ᠎ᠠ ᠶᠢᠨ ᠬᠠᠣᠯᠢ | ᠴᠠᠭᠠᠵᠠ ᠶᠢᠨ ᠭᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠭᠢᠨᠠᠯᠳᠠ ᠶᠢ ᠣᠬᠠᠮᠰᠠᠷ ᠠᠴᠠ | ᠪᠠᠨ ᠭᠦᠯᠢᠶᠠᠵᠦ᠂ ᠠᠷᠠᠳ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ᠂ ᠰᠠᠨᠠᠭᠤᠯᠭ᠎ᠠ ᠪᠠ ᠣᠯᠣᠰ ᠲᠦᠷᠦ ᠶᠢᠨ | ᠵᠦᠪᠯᠡᠯᠭᠡᠨ ᠤ ᠭᠡᠰᠢᠭᠦᠳ ᠤᠨ ᠰᠠᠨᠠᠯ ᠲᠣᠷᠠᠳᠣᠯᠭ᠎ᠠ ᠶᠢ ᠰᠢᠢᠳᠪᠣᠷᠢᠯᠡᠭᠰᠡᠨ ᠨᠣᠷᠮ᠎ᠠ 100% ᠳᠤ ᠬᠦᠷᠪᠠ᠃ | ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠭᠤᠣᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠣᠷᠢᠵᠢᠭᠤᠯᠵᠦ᠂ ᠵᠠᠰᠠᠭ ᠤᠨ ᠶᠠᠪᠣᠳᠠᠯ ᠢ ᠢᠯᠡ ᠪᠣᠯᠭᠠᠬᠤ ᠪᠠ ᠵᠠᠰᠠᠭ ᠵᠠᠭᠢᠷᠭᠠᠨ ᠤ ᠭᠢᠨᠠᠨ ᠪᠠᠶᠢᠴᠠᠭᠠᠯᠳᠠ᠂ | ᠭᠢᠨᠠᠨ ᠪᠤᠳᠤᠵᠤ ᠭᠢᠨᠠᠯᠳᠠ ᠳᠠᠯᠪᠢᠬᠤ ᠭᠦᠴᠦᠯᠠᠴᠠ ᠶᠢ ᠴᠢᠩᠭᠠᠳᠬᠠᠨ᠂ ᠵᠠᠰᠠᠭ ᠤᠨ ᠣᠷᠳᠣᠨ ᠤ ᠰᠢᠰᠲ᠋ᠧᠮ ᠤᠨ | ᠴᠢᠭᠡᠴᠢ ᠵᠠᠰᠠᠭ ᠤᠨ ᠪᠠᠶᠢᠭᠤᠯᠣᠯᠳᠠ ᠶᠢ ᠯᠠᠪᠳᠠᠭᠤᠨ ᠪᠠᠳᠣᠲᠠᠢ ᠲᠦᠯᠭᠢᠨ ᠠᠭᠢᠭᠤᠯᠪᠠ᠃ | ᠲᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠳᠤ᠂ ᠪᠢᠳᠠ ᠭᠦᠴᠢᠷ ᠪᠡᠷᠭᠡ ᠶᠢ ᠢᠯᠠᠨ ᠲᠠᠪᠠᠵᠦ᠂ | ᠦᠨᠡᠨᠬᠦ ᠠᠳᠬᠤᠵᠤ ᠪᠤᠳᠠᠳᠠᠢ ᠪᠠᠷ ᠠᠵᠢᠯᠯᠠᠨ᠂ ᠭᠦᠪᠡᠭᠡᠲᠦ ᠰᠢᠷ᠎ᠠ ᠬᠤᠰᠢᠭᠤᠨ ᠤ ᠭᠦᠭᠵᠢᠯᠳᠡ ᠶᠢᠨ ᠲᠡᠣᠭᠡᠨ ᠳᠠᠬᠢ | ᠴᠣ ᠰᠢᠨ᠎ᠠ ᠬᠠᠭᠤᠳᠠᠰᠣ ᠶᠢ ᠪᠢᠴᠢᠭᠯᠡᠪᠡ᠃ ︽ᠠᠷᠪᠠᠨ ᠬᠤᠶᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ | ᠬᠤᠭᠤᠴᠠᠭᠠᠨ ᠤ ᠭᠦᠭᠵᠢᠯᠳᠡ ᠶᠢ ᠡᠷᠭᠢᠴᠡᠭᠦᠯᠪᠠᠯ᠄ ᠡᠨᠡᠬᠦ ᠲᠠᠪᠣᠨ ᠵᠢᠯ ᠪᠣᠯ ᠮᠠᠨ ᠤ ᠬᠤᠰᠢᠭᠤᠨ ᠤ ᠠᠵᠦ ᠠᠬᠤᠢ᠂ | ᠣᠯᠣᠰ ᠲᠦᠷᠦ᠂ ᠰᠣᠶᠣᠯ᠂ ᠨᠡᠶᠢᠭᠡᠮ ᠪᠠ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠪᠦᠬᠦ ᠲᠠᠯ᠎ᠠ ᠪᠠᠷ | ᠲᠦᠯᠭᠢᠨ ᠠᠭᠢᠭᠤᠯᠣᠭᠰᠠᠨ ᠲᠠᠪᠣᠨ ᠵᠢᠯ᠂ ᠭᠦᠭᠵᠢᠯᠳᠡ ᠶᠢᠨ ᠠᠷᠭ᠎ᠠ ᠭᠡᠯᠪᠡᠷᠢ ᠪᠠᠨ ᠱᠠᠯᠠᠪᠳᠠᠨ ᠬᠤᠪᠢᠷᠠᠭᠤᠯᠵᠦ᠂ | ᠭᠦᠭᠵᠢᠯᠳᠡ ᠶᠢᠨ ᠰᠠᠭᠤᠷᠢ ᠪᠠᠨ ᠪᠠᠬᠢᠵᠢᠭᠦᠯᠦᠨ᠂ ᠭᠦᠭᠵᠢᠯᠳᠡ ᠶᠢᠨ ᠪᠦᠬᠦ ᠲᠠᠯᠠᠴᠢ ᠴᠢᠨᠠᠷ ᠵᠣᠭᠢᠴᠠᠯᠲᠦ ᠴᠢᠨᠠᠷ | ᠦᠷᠭᠦᠯᠵᠢᠯᠡᠭᠦᠶᠢᠴᠠ ᠴᠢᠨᠠᠷ ᠢ ᠲᠠᠰᠣᠷᠠᠯᠳᠠ ᠦᠭᠡᠢ ᠨᠡᠮᠡᠭᠳᠡᠭᠦᠯᠦᠭᠰᠡᠨ ᠲᠠᠪᠣᠨ ᠵᠢᠯ᠂ ᠦᠭᠡᠷᠡᠴᠢᠯᠠᠯᠳᠠ ᠶᠢᠨ | ᠪᠤᠭᠤᠮᠳᠠ ᠰᠢᠪᠳᠣᠯᠬᠤ ᠭᠦᠴᠦᠯᠠᠴᠠ ᠬᠠᠮᠤᠭ ᠶᠡᠭᠡ᠂ ᠮᠠᠯᠵᠢᠬᠤ ᠣᠷᠣᠨ ᠤ ᠳᠦᠷᠰᠤ ᠪᠠᠶᠢᠳᠠᠯ ᠳᠤ ᠬᠠᠮᠤᠭ ᠶᠡᠭᠡ | ᠬᠤᠪᠢᠷᠠᠯᠳᠠ ᠭᠠᠷᠤᠭᠰᠠᠨ᠂ ᠠᠷᠠᠳ ᠤᠯᠠᠨ ᠬᠠᠮᠤᠭ ᠶᠡᠭᠡ ᠠᠰᠢᠭ ᠬᠦᠷᠳᠡᠭᠰᠡᠨ ᠲᠠᠪᠤᠨ ᠵᠢᠯ ᠪᠤᠯᠬᠤ ᠶᠢ ᠪᠢᠳᠡ | ᠤᠯᠵᠤ ᠬᠠᠷᠠᠪᠠ᠃ ᠡᠳᠡᠭᠡᠷ ᠠᠮᠵᠢᠯᠲᠠ ᠶᠢ ᠣᠯᠣᠭᠰᠠᠨ ᠶᠠᠪᠤᠳᠠᠯ ᠪᠣᠯ᠂ ᠠᠶᠢᠮᠠᠭ ᠤᠨ ᠨᠠᠮ ᠤᠨ ᠬᠤᠷᠢᠶ᠎ᠠ᠂ | ᠵᠠᠭᠢᠷᠭ᠎ᠠ ᠪᠤᠯᠤᠨ ᠬᠤᠰᠢᠭᠤ ᠨᠠᠮ ᠤᠨ ᠬᠤᠷᠢᠶ᠎ᠠ ᠠᠴᠠ ᠵᠦᠪ ᠤᠨᠤᠪᠴᠢᠲᠠᠢ ᠣᠳᠣᠷᠢᠳᠣᠭᠰᠠᠨ ᠤ ᠦᠷ᠎ᠡ ᠳ᠋ᠦᠩ᠂ | ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠰᠠᠳᠭᠢᠯ ᠨᠢᠭᠡᠳᠣᠨ ᠪᠦᠯᠬᠦᠮᠳᠠᠨ ᠳᠡᠮᠡᠴᠡᠭᠰᠡᠨ ᠤ | ᠦᠷ᠎ᠡ ᠳ᠋ᠦᠩ ᠪᠣᠯᠬᠤ ᠶᠣᠮ᠃ ᠡᠶᠢᠮᠣ ᠠᠴᠠ ᠠᠳᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ | ᠲᠦᠯᠦᠭᠡᠯᠡᠨ᠂ ᠬᠦᠪᠡᠭᠡᠲᠤ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠠᠷᠭ᠎ᠠ ᠪᠤᠳᠤᠯᠭ᠎ᠠ | ᠭᠠᠷᠭᠠᠵᠤ᠂ ᠬᠠᠳᠠᠭᠤᠵᠢᠯᠲᠠᠢ ᠠᠵᠢᠯᠯᠠᠨ᠂ ᠢᠳᠡᠪᠬᠢᠲᠠᠢ ᠨᠡᠮᠡᠷᠢ ᠬᠠᠨᠳᠢᠪ ᠢᠶᠠᠨ ᠡᠷᠭᠦᠭᠰᠡᠨ ᠦᠷᠭᠡᠨ ᠤᠯᠠᠨ ᠠᠷᠠᠳ | ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠵᠢᠴᠢ ᠪᠦᠬᠦ ᠬᠤᠰᠢᠭᠤᠨ ᠤ ᠡᠯ᠎ᠡ ᠠᠵᠢᠯ | ᠤᠨ ᠹᠷᠤᠨᠲ ᠳᠡᠭᠡᠷ᠎ᠡ ᠭᠠᠪᠰᠢᠭᠠᠶᠢᠯᠠᠵᠤ ᠪᠠᠶᠢᠭ᠎ᠠ ᠦᠷᠭᠡᠨ ᠤᠯᠠᠨ ᠺᠠᠳ᠋ᠷ ᠠᠵᠢᠯᠳᠠᠳ᠂ ᠮᠠᠨ ᠤ ᠬᠤᠰᠢᠭᠤᠨ ᠤ | ᠬᠦᠭᠵᠢᠯᠲᠡ᠂ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠳᠡᠭᠡᠳ ᠲᠤ ᠡᠷᠬᠢᠮ | ᠳᠡᠭᠡᠲᠤ ᠬᠦᠨᠳᠤᠳᠭᠡᠯ ᠪᠠ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠦᠶ᠎ᠡ︕ | ᠪᠢᠳᠠ ᠠᠮᠵᠢᠯᠳᠠ ᠪᠠᠨ ᠣᠯᠵᠦ ᠬᠠᠷᠠᠬᠤ ᠶᠢᠨ ᠲᠠᠭᠠᠣ᠂ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ | ᠭᠦᠭᠵᠢᠯᠳᠡ ᠶᠢᠨ ᠳᠣᠮᠳᠠ ᠮᠠᠰᠢ ᠣᠯᠠᠨ ᠭᠦᠴᠢᠷ ᠪᠠᠷᠭᠡ ᠪᠠ ᠠᠰᠠᠭᠤᠳᠠᠯ ᠣᠷᠣᠰᠢᠵᠦ ᠪᠠᠶᠢᠭ᠎ᠠ ᠶᠢ ᠰᠡᠷᠭᠡᠭ ᠢᠶᠠᠷ | ᠣᠯᠵᠦ ᠲᠠᠨᠢᠬᠤ ᠭᠡᠷᠡᠭᠲᠡᠢ᠃ ᠨᠢᠭᠡ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠲᠤᠤᠷ᠎ᠠ᠂ ᠠᠵᠤ ᠦᠢᠯᠡᠰ ᠤᠨ | ᠪᠦᠲᠦᠴᠨ ᠳᠠᠩ ᠴᠤᠯᠭᠤᠢ᠂ ᠡᠬᠢ ᠪᠠᠶᠠᠯᠢᠭ ᠤᠨ ᠪᠤᠰᠤ ᠴᠢᠨᠠᠷᠲᠠᠢ ᠠᠵᠤ ᠦᠢᠯᠡᠰ ᠪᠠ ᠤᠳᠤ ᠦᠶ᠎ᠡ ᠶᠢᠨ | ᠦᠢᠯᠡᠴᠢᠯᠡᠭᠡᠨ ᠤ ᠬᠦᠭᠵᠢᠯᠲᠡ ᠠᠨᠠᠢ ᠪᠠᠶᠢᠨ᠎ᠠ᠃ ᠬᠤᠶᠠᠷ ᠲᠤ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠤ | ᠨᠡᠯᠢᠶᠡᠳ ᠶᠡᠭᠡ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠮᠦᠨᠬᠦ ᠲᠦᠢᠯ ᠤᠨ ᠲᠤᠪᠤᠶᠢᠮ᠎ᠠ | ᠪᠠᠶᠢᠨ᠎ᠠ᠃ ᠭᠤᠷᠪᠠ ᠳᠤ᠂ ᠰᠠᠭᠤᠷᠢ ᠲᠦᠬᠦᠭᠡᠷᠦᠮᠵᠢ ᠶᠢᠨ ᠨᠦᠬᠦᠴᠡᠯ ᠨᠡᠯᠢᠶᠡᠳ ᠬᠤᠴᠤᠷᠤᠩᠭᠤᠢ ᠪᠠᠶᠢᠵᠤ᠂ | ᠬᠦᠭᠵᠢᠯᠲᠡ ᠶᠢ ᠲᠤᠯᠭᠠᠭᠤᠷᠢᠯᠠᠬᠤ ᠪᠠᠳᠤᠯᠠᠭ᠎ᠠ ᠶᠢᠨ ᠴᠢᠳᠠᠪᠤᠷᠢ ᠠᠨᠠᠢ ᠪᠠᠶᠢᠨ᠎ᠠ᠃ ᠳᠦᠷᠪᠠ ᠳᠤ᠂ ᠮᠠᠯ ᠠᠵᠤ ᠠᠬᠤᠢ | ᠶᠢᠨ ᠨᠡᠷ᠎ᠡ ᠳᠡᠮᠳᠡᠭ ᠤᠨ ᠦᠷ᠎ᠡ ᠠᠰᠢᠭ ᠲᠤᠤᠷ᠎ᠠ᠂ ᠠᠮᠢ ᠠᠬᠤᠢ ᠶᠢᠨ ᠤᠷᠴᠢᠨ ᠲᠤᠭᠤᠷᠢᠨ ᠮᠦᠨᠬᠦ ᠬᠡᠪᠡᠷᠡᠭ | ᠪᠠᠶᠢᠨ᠎ᠠ᠃ ᠡᠶᠢᠮᠣ ᠠᠴᠠ᠂ ᠪᠢᠳᠠ ᠡᠷᠭᠡᠪᠡᠰᠢ ᠬᠠᠷᠢᠭᠤᠴᠠᠯᠭᠠᠲᠤ ᠤᠬᠠᠮᠰᠠᠷ ᠪᠠ ᠡᠭᠦᠷᠭᠡᠯᠡᠬᠦ ᠤᠬᠠᠮᠰᠠᠷ ᠢᠶᠠᠨ ᠤᠯᠠᠮ | ᠳᠡᠭᠡᠭᠰᠢᠯᠡᠭᠦᠯᠵᠤ᠂ ᠭᠦᠴᠦᠨ ᠪᠦᠭᠦᠢ ᠠᠷᠭ᠎ᠠ ᠭᠡᠮᠵᠢᠶ᠎ᠡ ᠶᠢ ᠠᠪᠴᠦ ᠡᠳᠡᠭᠡᠷ ᠠᠰᠠᠭᠤᠳᠠᠯ ᠢ ᠰᠢᠢᠳᠪᠦᠷᠢᠯᠡᠨ᠂ ᠵᠠᠰᠠᠭ | ᠤᠨ ᠤᠷᠳᠤᠨ ᠤ ᠠᠵᠢᠯ ᠢᠶᠠᠨ ᠰᠠᠶᠢᠳᠤᠷ ᠬᠢᠵᠤ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ | ᠦᠭᠡᠢ ᠪᠠᠷ ᠴᠢᠷᠮᠠᠶᠢᠬᠤ ᠬᠡᠷᠡᠭᠲᠠᠢ ᠪᠠᠶᠢᠨ᠎ᠠ᠃ | ᠬᠤᠶᠠᠷ᠄ ︽ᠠᠷᠪᠠᠨ ᠭᠤᠷᠪᠠᠲᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ | ᠠᠬᠤᠢ ᠨᠡᠶᠢᠬᠡᠮ ᠤᠨ ᠬᠦᠭᠵᠢᠯᠲᠠ ᠶᠢᠨ ᠲᠡᠮᠡᠴᠡᠬᠦ ᠬᠠᠷᠠᠯᠲᠠ ᠪᠠ ᠠᠵᠢᠯ ᠤᠨ ᠭᠤᠤᠯᠳᠠᠯᠭ᠎ᠠ | ︽ᠠᠷᠪᠠᠨ ᠭᠤᠷᠪᠠᠲᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠪᠤᠯ ᠴᠢᠨᠡᠬᠡᠯᠢᠭ | ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠤ ᠴᠠᠭ ᠬᠤᠭᠤᠴᠠᠭ᠎ᠠ᠂ ᠦᠬᠡᠷᠡᠴᠢᠯᠠᠯᠲᠠ ᠶᠢ ᠪᠦᠬᠦ ᠲᠠᠯ᠎ᠠ | ᠪᠠᠷ ᠬᠦᠨᠵᠡᠬᠡᠶᠢᠷᠡᠬᠦᠯᠬᠦ ᠰᠢᠪᠲᠤᠯᠤᠯᠲᠠ ᠶᠢᠨ ᠴᠠᠭ ᠬᠤᠭᠤᠴᠠᠭ᠎ᠠ᠂ ᠮᠦᠨᠴᠤ ᠬᠠᠤᠯᠢ ᠪᠠᠷ ᠬᠤᠰᠢᠭᠤ ᠪᠠᠨ ᠵᠠᠰᠠᠬᠤ ᠶᠢ | ᠲᠦᠯᠬᠢᠨ ᠠᠬᠢᠭᠤᠯᠬᠤ ᠵᠠᠩᠬᠢᠯᠭ᠎ᠠ ᠶᠢᠨ ᠴᠠᠭ ᠬᠤᠭᠤᠴᠠᠭ᠎ᠠ ᠪᠤᠯᠤᠨ᠎ᠠ᠃ ᠬᠤᠰᠢᠭᠤ ᠨᠠᠮ ᠤᠨ ᠬᠤᠷᠢᠶᠠᠨ ᠤ ︽ | ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠬᠦᠯᠤᠯᠲᠠ ᠶᠢᠨ ᠠᠷᠪᠠᠨ ᠭᠤᠷᠪᠠᠲᠤᠭᠠᠷ ᠲᠠᠪᠤᠨ ᠵᠢᠯ | ᠤᠨ ᠲᠦᠯᠦᠪᠵᠢᠭᠦᠯᠭᠡ ᠶᠢ ᠲᠤᠭᠲᠠᠭᠠᠬᠤ ᠲᠤᠬᠠᠢ ᠰᠠᠨᠠᠭᠤᠯᠭ᠎ᠠ︾ ᠶᠢ ᠦᠨᠲᠤᠰᠤᠯᠡᠵᠤ ᠭᠠᠷᠭᠠᠭᠰᠠᠨ᠂ ᠪᠦᠬᠦ | ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠠ ᠶᠢᠨ ᠶᠡᠷᠤᠩᠬᠡᠢ ᠰᠡᠳᠬᠢᠴᠨ ᠪᠤᠯ᠄ ᠲᠦᠪ᠂ ᠦᠪᠡᠷᠲᠡᠬᠡᠨ | ᠵᠠᠰᠠᠬᠤ ᠤᠷᠤᠨ ᠤ ᠴᠢᠭᠯᠡᠯᠲᠠ ᠲᠦᠷᠤ ᠶᠢᠨ ᠪᠤᠲᠤᠯᠭ᠎ᠠ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠰᠢᠢᠳᠪᠦᠷᠢᠲᠤ ᠪᠤᠲᠤᠯᠭ᠎ᠠ ᠪᠠᠶᠢᠷᠢᠯᠠᠭᠤᠯᠤᠯᠲᠠ ᠶᠢ ᠬᠦᠨᠵᠡᠬᠡᠢ ᠲᠤᠤᠱᠯᠠᠭᠤᠯᠵᠤ᠂ ︽ᠲᠦᠷᠪᠡᠨ ᠪᠦᠬᠦ ᠲᠠᠯ᠎ᠠ︾ ᠶᠢᠨ | ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠪᠠᠷᠢᠮᠳᠠᠯᠠᠨ᠂ ᠰᠢᠨ᠎ᠡ ᠶᠢ ᠡᠬᠦᠳᠬᠦ᠂ ᠵᠤᠬᠢᠴᠠᠭᠤᠯᠬᠤ᠂ | ᠪᠤᠬᠢᠷᠳᠤᠯ ᠦᠬᠡᠢ᠂ ᠨᠡᠬᠡᠬᠡᠯᠲᠡᠲᠦ᠂ ᠬᠠᠮᠲᠤ ᠪᠠᠷ ᠡᠳ᠋ᠯᠡᠬᠦ ᠬᠦᠭᠵᠢᠯᠲᠠ ᠶᠢᠨ ᠤᠶᠢᠯᠠᠭᠠᠭᠳᠠᠬᠤᠨ ᠢ ᠪᠤᠢ ᠪᠤᠯᠭᠠᠨ | ᠪᠠᠬᠢᠵᠢᠬᠦᠯᠵᠤ᠂ ︽ᠵᠢᠷᠭᠤᠭᠠᠨ ᠨᠢᠬᠡᠲᠤᠬᠡᠷ︾ ᠤᠨ ᠭᠤᠤᠯ ᠡᠬᠦᠷᠬᠡ ᠶᠢᠨ ᠲᠤᠭᠤᠷᠢᠨ ᠳᠤ᠂ ︽ᠲᠦᠷᠪᠠᠨ ᠰᠠᠭᠤᠷᠢ | ᠶᠢ ᠵᠡᠷᠬᠡ ᠳᠤᠨᠢ ᠴᠢᠬᠤᠯᠠᠴᠢᠯᠠᠵᠤ᠂ ᠰᠢᠨ᠎ᠡ ᠬᠡᠯᠪᠡᠷᠢ ᠶᠢᠨ ᠠᠵᠤ ᠤᠶᠢᠯᠡᠳᠪᠤᠷᠢᠵᠢᠯᠲᠠ᠂ ᠮᠡᠲᠡᠭᠡ ᠵᠠᠩᠬᠢᠵᠢᠯᠲᠠ᠂ | ᠬᠤᠲᠠ ᠪᠠᠯᠭᠠᠰᠤᠵᠢᠯᠲᠠ᠂ ᠮᠠᠯ ᠠᠵᠤ ᠠᠬᠤᠢ ᠶᠢᠨ ᠤᠳᠤᠬᠢᠴᠢᠯᠠᠯᠲᠠ ᠶᠢ ᠵᠡᠷᠭᠡ ᠳᠤᠨᠢ ᠬᠦᠭᠵᠢᠬᠦᠯᠬᠦ︾ ᠶᠢ | ᠪᠠᠷᠢᠮᠲᠠᠯᠠᠵᠤ᠂ ᠬᠦᠭᠵᠢᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠲᠡᠬᠡᠭᠰᠢᠯᠡᠬᠦᠯᠬᠦ ᠪᠠᠷ ᠭᠤᠤᠯ ᠪᠤᠯᠭᠠᠨ᠂ ︽ | ᠲᠤᠯᠤᠭᠠᠨ ᠲᠤᠮᠤ ᠤᠨᠴᠠᠯᠢᠭᠲᠦ ᠠᠵᠤ ᠤᠶᠢᠯᠡᠰ︾ ᠢ ᠴᠢᠷᠮᠠᠶᠢᠨ ᠪᠤᠶᠢᠵᠢᠭᠤᠯᠵᠤ᠂ ︽ᠵᠢᠷᠭᠤᠭᠠᠨ ᠰᠠᠭᠤᠷᠢᠨ︾ ᠢ | ᠪᠦᠬᠦ ᠲᠠᠯ᠎ᠠ ᠪᠠᠷ ᠪᠠᠶᠢᠭᠤᠯᠤᠨ᠂ ᠬᠦᠴᠦᠨ ᠢᠶᠠᠨ ᠲᠦᠪᠯᠡᠷᠡᠭᠦᠯᠦᠨ᠂ ᠬᠦᠴᠢᠷ ᠢ ᠢᠯᠠᠵᠤ᠂ ᠠᠵᠤ ᠠᠬᠤᠢ ᠶᠢᠨ | ᠡᠷᠡᠬᠦᠯ ᠢᠶᠠᠷ ᠬᠦᠭᠵᠢᠬᠦ᠂ ᠨᠡᠶᠢᠬᠡᠮ ᠤᠨ ᠡᠶ᠎ᠡ ᠵᠤᠬᠢᠴᠠᠩᠭᠤᠢ ᠲᠤᠭᠲᠠᠭᠤᠨ ᠢ ᠬᠠᠮᠠᠭᠠᠯᠠᠬᠤ᠂ ᠠᠷᠠᠳ ᠤᠨ ᠠᠮᠢᠲᠤᠷᠠᠯ | ᠢ ᠦᠷᠬᠦᠯᠵᠢᠯᠠᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠲᠤᠭᠲᠠᠭᠰᠠᠨ ᠬᠤᠭᠤᠴᠠᠭᠠᠨ ᠳᠤ ᠴᠢᠨᠡᠬᠡᠯᠢᠭ | ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠦᠨᠡᠨᠬᠦ ᠪᠠᠲᠤᠯᠠᠨ᠎ᠠ᠃ ᠭᠤᠤᠯ ᠲᠡᠮᠡᠴᠡᠬᠦ ᠬᠠᠷᠠᠯᠲᠠ ᠪᠤᠯ᠄ 2020 | ᠤᠨ ᠪᠤᠯᠬᠤ ᠳᠤ᠂ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 77.5 ᠳ᠋ᠦᠩᠰᠢᠭᠤᠷ | ᠲᠦᠭᠦᠷᠢᠭ ᠲᠤ ᠬᠦᠷᠭᠡᠵᠤ᠂ ᠵᠢᠯ ᠪᠦᠷᠢ ᠲᠤᠮᠲᠠᠴᠢ ᠪᠠᠷ 8% ᠪᠠᠷ ᠨᠡᠮᠡᠭᠳᠡᠭᠦᠯᠦᠨ᠎ᠡ᠃ ᠨᠠᠶᠢᠲᠠ ᠶᠢᠨ ᠡᠳ᠋ ᠶᠢᠨ | ᠵᠠᠰᠠᠭ ᠤᠨ ᠲᠦᠰᠤᠪ ᠤᠨ ᠤᠷᠤᠯᠭ᠎ᠠ ᠶᠢ 3.28 ᠳ᠋ᠦᠩᠰᠢᠭᠤᠷ ᠲᠦᠭᠦᠷᠢᠭ ᠲᠤ ᠬᠦᠷᠭᠡᠵᠤ᠂ ᠵᠢᠯ ᠪᠦᠷᠢ ᠲᠤᠮᠲᠠᠴᠢ | ᠪᠠᠷ 7.2% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠤᠭᠲᠠᠮᠠᠯ ᠬᠦᠷᠤᠩᠬᠡ ᠶᠢᠨ ᠪᠡᠯᠡ ᠤᠷᠤᠭᠤᠯᠤᠯᠲᠠ ᠶᠢ | 26.5 ᠳ᠋ᠦᠩᠰᠢᠭᠤᠷ ᠲᠦᠭᠦᠷᠢᠭ ᠲᠤ ᠬᠦᠷᠭᠡᠵᠤ᠂ ᠵᠢᠯ ᠪᠦᠷᠢ ᠲᠤᠮᠲᠠᠴᠢ ᠪᠠᠷ 15% ᠪᠠᠷ ᠨᠡᠮᠡᠭᠳᠡᠭᠦᠯᠦᠨ᠎ᠡ᠃ | ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠣᠬᠤ ᠶᠡᠷᠦᠩᠬᠡᠢ ᠬᠡᠮᠵᠢᠶ᠎ᠡ ᠶᠢ 8.5 ᠳ᠋ᠦᠩᠰᠢᠭᠤᠷ | ᠲᠦᠭᠦᠷᠢᠭ ᠲᠤ ᠭᠦᠷᠭᠡᠵᠤ᠂ ᠵᠢᠯ ᠪᠦᠷᠢ ᠲᠤᠮᠲᠠᠴᠢ ᠪᠠᠷ 8.4% ᠪᠠᠷ ᠨᠡᠮᠡᠭᠳᠡᠭᠦᠯᠦᠨ᠎ᠡ᠃ ᠬᠤᠳᠠ ᠪᠠᠯᠭᠠᠰᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤᠶᠢᠴᠠ ᠣᠷᠣᠯᠭ᠎ᠠ ᠶᠢ | 44920 ᠲᠦᠭᠦᠷᠢᠭ ᠲᠤ ᠬᠦᠷᠭᠡᠵᠦ᠂ ᠵᠢᠯ ᠪᠦᠷᠢ ᠲᠤᠮᠲᠠᠴᠢ ᠪᠠᠷ 7.9% ᠪᠠᠷ ᠨᠡᠮᠡᠭᠳᠡᠭᠦᠯᠦᠨ᠎ᠡ᠃ ᠮᠠᠯᠵᠢᠬᠤ | ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤᠶᠢᠴᠠ | ᠣᠷᠣᠯᠭ᠎ᠠ ᠶᠢ 18110 ᠲᠦᠭᠦᠷᠢᠭ ᠲᠤ ᠬᠦᠷᠭᠡᠵᠦ᠂ ᠵᠢᠯ ᠪᠦᠷᠢ ᠲᠤᠮᠲᠠᠴᠢ ᠪᠠᠷ 10% ᠪᠠᠷ ᠨᠡᠮᠡᠭᠳᠡᠭᠦᠯᠦᠨ᠎ᠡ᠃ | | ︵ᠨᠢᠬᠡ︶ ᠰᠢᠨ᠎ᠡ ᠶᠢ ᠡᠭᠦᠳᠬᠦ ᠬᠦᠭᠵᠢᠯᠲᠡ ᠶᠢ ᠪᠠᠷᠢᠮᠲᠠᠯᠠᠵᠤ᠂ ᠠᠵᠤ ᠠᠬᠤᠢ ᠶᠢᠨ ᠬᠦᠭᠵᠢᠯᠲᠠ ᠶᠢᠨ ᠶᠡᠰᠤ | ᠴᠢᠨᠠᠷ ᠪᠠ ᠦᠷ᠎ᠡ ᠠᠰᠢᠭ ᠢ ᠴᠢᠷᠮᠠᠶᠢᠨ ᠲᠡᠬᠡᠭᠰᠢᠯᠡᠬᠦᠯᠤᠨ᠎ᠠ᠃ ᠰᠢᠨ᠎ᠡ ᠶᠢ ᠡᠬᠦᠳᠬᠦ ᠶᠢ ᠬᠦᠭᠵᠢᠯᠲᠠ ᠶᠢᠨ ᠪᠦᠬᠦ | ᠲᠠᠯ᠎ᠠ ᠶᠢᠨ ᠭᠤᠤᠯ ᠪᠠᠶᠢᠷᠢᠨ ᠳᠤ ᠲᠠᠯᠪᠢᠵᠤ᠂ ᠠᠵᠤ ᠤᠶᠢᠯᠡᠰ᠂ ᠨᠡᠷ᠎ᠡ ᠲᠡᠮᠲᠡᠭ᠂ ᠬᠠᠮᠢᠶᠠᠷᠤᠯᠲᠠ ᠵᠡᠷᠬᠡ ᠶᠢ | ᠲᠦᠯᠬᠢᠨ ᠠᠬᠢᠭᠤᠯᠬᠤ ᠳᠤ ᠪᠦᠬᠦ ᠲᠠᠯ᠎ᠠ ᠪᠠᠷ ᠰᠢᠨ᠎ᠡ ᠶᠢ ᠡᠬᠦᠳᠬᠦ ᠪᠠᠷ ᠲᠠᠭᠠᠭᠤᠯᠤᠭᠴᠢ ᠪᠤᠯᠭᠠᠭᠰᠠᠨ ᠠᠵᠤ ᠠᠬᠤᠢ | ᠶᠢᠨ ᠰᠢᠰᠲ᠋ᠧᠮ ᠪᠠ ᠬᠦᠭᠵᠢᠯᠲᠠ ᠶᠢᠨ ᠬᠡᠪ ᠵᠠᠭᠪᠤᠷ ᠢ ᠪᠦᠷᠢᠯᠲᠤᠬᠦᠯᠤᠨ᠎ᠠ᠃ ᠭᠤᠤᠯᠲᠠᠯᠭᠠᠲᠦ ᠬᠦᠷᠢᠶ᠎ᠡ ᠴᠠᠷᠠᠭᠠᠨ ᠤ | ᠪᠠ ᠵᠠᠩᠬᠢᠯᠭ᠎ᠠ ᠶᠢᠨ ᠭᠤᠭᠴᠤᠭᠠᠨ ᠤ ᠦᠬᠡᠷᠡᠴᠢᠯᠡᠯᠲᠠ ᠶᠢ ᠲᠦᠯᠬᠢᠨ ᠠᠬᠢᠭᠤᠯᠵᠤ᠂ ᠵᠠᠰᠠᠭ ᠤᠨ ᠤᠷᠲᠤᠨ ᠪᠠ ᠵᠠᠬ᠎ᠠ | ᠲᠡᠯᠬᠡᠬᠦᠷ ᠤᠨ ᠬᠠᠷᠢᠴᠠᠭ᠎ᠠ ᠶᠢ ᠤᠯᠠᠮ ᠴᠢᠨᠠᠭᠰᠢᠲᠠ ᠰᠢᠯᠤᠭᠤᠳᠬᠠᠨ᠂ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ | ᠠᠮᠢᠵᠢᠷᠠᠯ ᠤᠨ ᠬᠦᠴᠤᠨ ᠢ ᠨᠡᠮᠡᠭᠲᠡᠬᠦᠯᠤᠨ᠎ᠡ᠃ ᠨᠢᠬᠡᠲᠤᠬᠡᠷ ᠠᠵᠤ ᠤᠶᠢᠯᠡᠰ ᠤᠨ ᠲᠠᠯ᠎ᠠ ᠪᠠᠷ᠂ ᠴᠦᠭᠡᠨ ᠪᠦᠭᠡᠳ | ᠨᠠᠷᠢᠯᠢᠭ ᠮᠠᠯᠵᠢᠬᠤ ᠨᠡᠷ᠎ᠡ ᠳᠡᠮᠳᠡᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠴᠠᠬᠠᠷ ᠬᠤᠨᠢ᠂ ᠰᠢᠮᠧᠨ᠋ᠲ᠋ᠧᠷ | ᠦᠭᠡᠷ᠂ ᠡᠾᠧᠰᠲ᠋ᠠᠨ ᠰᠠᠭᠠᠯᠢ ᠶᠢᠨ ᠦᠨᠢᠶ᠎ᠡ ᠵᠡᠷᠭᠡ ᠰᠢᠯᠢᠳᠡᠭ ᠡᠭᠦᠯᠳᠡᠷ ᠢ ᠪᠤᠶᠢᠵᠢᠭᠤᠯᠵᠤ᠂ ᠮᠠᠯ ᠠᠵᠤ ᠠᠬᠤᠢ ᠶᠢᠨ | ᠦᠷ᠎ᠠ ᠠᠰᠢᠭ ᠢ ᠨᠡᠮᠡᠭᠲᠡᠬᠦᠯᠬᠦ ᠪᠠ ᠮᠠᠯᠴᠢᠳ ᠤᠨ ᠤᠷᠤᠯᠭ᠎ᠠ ᠶᠢ ᠨᠡᠮᠡᠭᠲᠡᠬᠦᠯᠬᠦ ᠪᠠᠷ ᠭᠤᠤᠯᠲᠠᠯᠭ᠎ᠠ ᠪᠤᠯᠭᠠᠵᠤ᠂ | ᠳᠡᠵᠢᠭᠡᠨ ᠦᠷᠡᠵᠢᠭᠦᠯᠬᠦ ᠤᠷᠤᠨ ᠲᠤᠭᠤᠷᠢᠭ ᠤᠨ ᠪᠠᠶᠢᠷᠢᠰᠢᠯ ᠢ ᠤᠯᠠᠮ ᠰᠢᠯᠢᠳᠡᠭᠵᠢᠭᠦᠯᠵᠤ᠂ ᠤᠶᠢᠯᠡᠳᠪᠤᠷᠢᠯᠡᠯ | ᠡᠵᠡᠩᠨᠡᠯᠲᠠ ᠶᠢᠨ ᠬᠡᠯᠪᠡᠷᠢ ᠶᠢ ᠬᠤᠪᠢᠷᠠᠭᠤᠯᠬᠤ ᠪᠠ ᠪᠦᠲᠤᠴᠨ ᠳᠤ ᠲᠤᠬᠢᠷᠠᠭᠤᠯᠤᠯᠲᠠ ᠬᠢᠬᠦ ᠶᠢ ᠲᠦᠯᠬᠢᠨ | ᠠᠬᠢᠭᠤᠯᠵᠤ᠂ ᠪᠤᠬᠢᠷᠳᠤᠯ ᠦᠬᠡᠢ᠂ ᠦᠨᠲᠤᠷ ᠦᠷ᠎ᠡ ᠠᠰᠢᠭᠲᠦ᠂ ᠭᠠᠮᠰᠢᠭ ᠠᠴᠠ ᠵᠠᠶᠢᠯᠠᠰᠬᠢᠬᠦ ᠬᠡᠯᠪᠡᠷᠢ ᠶᠢᠨ | ᠤᠲᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠲᠠ ᠶᠢᠨ ᠰᠢᠰᠲ᠋ᠧᠮ ᠢ ᠪᠦᠬᠦ ᠬᠦᠴᠤᠨ ᠢᠶᠠᠷ ᠪᠠᠶᠢᠭᠤᠯᠤᠨ᠎ᠠ᠃ | 2020 ᠤᠨ ᠪᠤᠯᠬᠤ ᠳᠤ᠂ ᠪᠦᠬᠦ ᠬᠤᠰᠢᠭᠤᠨ ᠤ ᠮᠠᠯ ᠤᠨ ᠡᠭᠦᠯᠳᠡᠷ ᠰᠠᠶᠢᠵᠢᠷᠠᠭᠤᠯᠬᠤ ᠬᠠᠷᠢᠴᠠᠯ ᠢ 98.6% | ᠳᠤ ᠬᠦᠷᠭᠡᠵᠤ᠂ ᠴᠠᠬᠠᠷ ᠬᠤᠨᠢ ᠶᠢ ᠳᠡᠵᠢᠭᠡᠨ ᠦᠷᠡᠵᠢᠭᠦᠯᠬᠦ ᠬᠠᠷᠢᠴᠠᠯ ᠢ 70% ᠠᠴᠠ ᠳᠡᠭᠡᠭᠰᠢ ᠳᠤ ᠬᠦᠷᠭᠡᠨ᠂ | ᠮᠠᠯ ᠤᠨ ᠦᠷᠡᠵᠢᠯᠲᠡ ᠪᠦᠢᠵᠢᠯᠲᠡ ᠶᠢ 147% ᠳᠤ ᠬᠦᠷᠭᠡᠨ᠎ᠡ᠃ ᠬᠤᠶᠠᠲᠤᠭᠠᠷ ᠠᠵᠤ ᠤᠶᠢᠯᠡᠰ ᠤᠨ ᠲᠠᠯ᠎ᠠ ᠪᠠᠷ᠂ | ᠠᠵᠤ ᠤᠶᠢᠯᠡᠳᠪᠤᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠯᠬᠢᠨ | ᠠᠬᠢᠭᠤᠯᠵᠤ᠂ ᠴᠢᠯᠠᠭᠤᠨ ᠲᠤᠰᠤ᠂ ᠴᠢᠯᠠᠭᠤᠨ ᠮᠠᠲ᠋ᠧᠷᠢᠶᠠᠯ᠂ ᠰᠢᠨ᠎ᠡ ᠡᠨᠧᠷᠬᠢ᠂ ᠮᠠᠯ ᠤᠨ ᠠᠰᠢᠭ ᠰᠢᠮ᠎ᠡ ᠶᠢᠨ | ᠪᠦᠲᠤᠬᠡᠭᠲᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ᠂ ᠲᠡᠮᠦᠷᠯᠢᠭ ᠪᠤᠯᠪᠠᠰᠤᠷᠠᠭᠤᠯᠬᠤ᠂ ᠨᠡᠬᠦᠷᠡᠰᠤ ᠵᠡᠷᠭᠡ ᠠᠵᠤ | ᠦᠢᠯᠡᠰ ᠢ ᠶᠡᠬᠡᠪᠡᠷ ᠬᠦᠭᠵᠢᠭᠦᠯᠦᠨ᠂ ᠡᠬᠢ ᠪᠠᠶᠠᠯᠢᠭ ᠢ ᠠᠷᠪᠢᠯᠠᠬᠤ᠂ ᠤᠷᠴᠢᠨ ᠲᠤᠭᠤᠷᠢᠨ ᠢ ᠬᠠᠮᠠᠭᠠᠯᠠᠬᠤ᠂ ᠲᠠᠬᠢᠨ | ᠠᠰᠢᠭᠯᠠᠬᠤ᠂ ᠰᠢᠨ᠎ᠡ ᠰᠡᠪᠡᠬᠦᠨ ᠤᠨᠴᠠᠯᠢᠭ ᠪᠦᠬᠦᠢ᠂ ᠦᠷ᠎ᠠ ᠠᠰᠢᠭ ᠢᠶᠠᠷ ᠲᠤᠪᠤᠶᠢᠮ᠎ᠠ ᠪᠤᠬᠢᠷᠳᠤᠯ ᠦᠬᠡᠢ ᠠᠵᠤ | ᠤᠶᠢᠯᠡᠳᠪᠤᠷᠢ ᠶᠢᠨ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃ 2020 ᠤᠨ ᠪᠤᠯᠬᠤ ᠳᠤ᠂ ᠪᠦᠬᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 40 ᠳᠤ ᠬᠦᠷᠭᠡᠵᠤ᠂ ᠠᠵᠤ ᠤᠶᠢᠯᠡᠳᠪᠤᠷᠢ ᠶᠢᠨ ᠶᠡᠷᠤᠩᠬᠡᠢ | ᠦᠢᠯᠡᠳᠭᠦᠨ ᠤ ᠦᠷᠲᠡᠭ ᠢ 100 ᠳ᠋ᠦᠩᠰᠢᠭᠤᠷ ᠲᠦᠬᠦᠷᠢᠭ ᠠᠴᠠ ᠳᠠᠪᠠᠭᠤᠯᠤᠨ᠂ ᠨᠡᠮᠡᠭᠲᠡᠯ ᠦᠷᠲᠡᠭ ᠢ ᠵᠢᠯ ᠪᠦᠷᠢ | ᠲᠤᠮᠲᠠᠴᠢ ᠪᠠᠷ 8% ᠪᠠᠷ ᠨᠡᠮᠡᠭᠳᠡᠭᠦᠯᠦᠨ᠎ᠡ᠃ ᠭᠤᠷᠪᠠᠲᠤᠭᠠᠷ ᠠᠵᠤ ᠤᠶᠢᠯᠡᠰ ᠤᠨ ᠲᠠᠯ᠎ᠠ ᠪᠠᠷ᠂ ᠤᠶᠢᠯᠡᠴᠢᠯᠡᠬᠡᠨ ᠤ | ᠤᠶᠢᠯᠡᠰ ᠤᠨ ᠬᠦᠭᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠦᠬᠡᠢ ᠲᠡᠬᠡᠭᠰᠢᠯᠡᠬᠦᠯᠤᠨ᠎ᠠ᠃ ᠪᠡᠬᠡᠵᠢᠩ— | ᠴᠢᠭᠤᠯᠤᠯᠲᠤ ᠬᠠᠭᠠᠯᠭ᠎ᠠ ᠠᠴᠠ ᠬᠠᠮᠳᠤᠷᠠᠨ ᠡᠷᠬᠢᠯᠡᠬᠦ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ | ᠴᠤᠭᠯᠠᠭᠠᠨ ᠤ ᠠᠵᠨ ᠲᠤᠬᠢᠶᠠᠯ ᠢ ᠠᠰᠢᠭᠯᠠᠵᠤ᠂ ᠦᠵᠡᠮᠵᠢ ᠶᠢᠨ ᠤᠷᠤᠨ ᠢ ᠨᠡᠬᠡᠬᠡᠨ ᠬᠦᠭᠵᠢᠬᠦᠯᠬᠦ ᠪᠠ ᠢᠵᠢ | ᠪᠦᠷᠢᠲᠦᠭᠰᠡᠨ ᠰᠠᠭᠤᠷᠢ ᠲᠦᠬᠦᠬᠡᠷᠤᠮᠵᠢ ᠶᠢᠨ ᠪᠦᠲᠤᠬᠡᠨ ᠪᠠᠶᠢᠭᠤᠯᠤᠯᠲᠠ ᠶᠢ ᠪᠦᠬᠦ ᠬᠦᠴᠤᠨ ᠢᠶᠠᠷ ᠲᠦᠯᠬᠢᠨ | ᠠᠬᠢᠭᠤᠯᠵᠤ᠂ ︽ᠠᠰᠠᠷ ᠤᠷᠠᠯᠢᠭ ᠤᠨ ᠨᠠᠶᠢᠷ︾᠂ ︽ᠴᠠᠬᠠᠷ ᠵᠠᠩ ᠤᠶᠢᠯᠡ ᠰᠤᠶᠤᠯ ᠤᠨ ᠨᠠᠶᠢᠷ︾ ᠵᠡᠷᠬᠡ ᠰᠤᠶᠤᠯ | ᠵᠢᠭᠤᠯᠴᠢᠯᠠᠯ ᠤᠨ ᠨᠡᠷ᠎ᠡ ᠲᠡᠮᠲᠡᠭ ᠢ ᠡᠬᠦᠳᠴᠤ᠂ ᠵᠢᠭᠤᠯᠴᠢᠯᠠᠯ ᠤᠨ ᠤᠶᠢᠯᠡᠰ ᠤᠨ ᠬᠦᠭᠵᠢᠯᠲᠠ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠵᠤ᠂ ᠦᠪᠡᠷᠲᠡᠬᠡᠨ ᠵᠠᠰᠠᠬᠤ ᠤᠷᠤᠨ ᠤ ᠲᠤᠮᠲᠠ ᠬᠡᠰᠡᠭ ᠳᠠᠬᠢ | ᠵᠢᠭᠤᠯᠴᠢᠯᠠᠯ ᠤᠨ ᠵᠤᠰᠠᠯᠠᠩ ᠤᠨ ᠰᠠᠭᠤᠷᠢᠨ ᠭᠠᠵᠠᠷ ᠪᠤᠯᠭᠠᠨ ᠪᠦᠲᠦᠭᠡᠨ ᠪᠠᠶᠢᠭᠤᠯᠤᠨ᠎ᠠ᠃ ᠪᠤᠲᠠᠰ ᠤᠨ ᠬᠦᠢᠯᠬᠡᠬᠡᠨ | ᠤ ᠲᠤᠭᠤᠷᠢᠭ ᠤᠨ ᠬᠦᠮᠤᠷᠬᠡᠯᠡᠨ ᠬᠠᠲᠠᠭᠠᠯᠠᠬᠤ᠂ ᠲᠤᠬᠢᠷᠠᠭᠤᠯᠤᠨ ᠬᠦᠷᠬᠡᠬᠦ ᠵᠡᠷᠬᠡ ᠤᠶᠢᠯᠡᠴᠢᠯᠡᠬᠡᠨ ᠤ ᠴᠢᠲᠠᠮᠵᠢ ᠶᠢ | ᠲᠡᠬᠦᠯᠲᠡᠷᠵᠢᠬᠦᠯᠤᠨ᠂ ᠪᠠᠷᠠᠭ᠎ᠠ ᠲᠠᠸᠠᠷ ᠪᠠ ᠵᠢᠵᠢᠭᠯᠡᠭᠰᠡᠨ ᠪᠤᠲᠠᠰ ᠢ ᠤᠯᠠᠨ ᠬᠡᠯᠪᠡᠷᠢ ᠪᠠᠷ ᠬᠤᠯᠪᠤᠭᠠᠯᠠᠨ ᠬᠦᠷᠬᠡᠬᠦ | ᠤᠲᠤᠬᠢᠴᠢᠯᠠᠭᠰᠠᠨ ᠪᠤᠲᠠᠰ ᠤᠨ ᠬᠦᠢᠯᠬᠡᠬᠡᠨ ᠤ ᠠᠵᠤ ᠤᠶᠢᠯᠡᠰ ᠤᠨ ᠰᠢᠰᠲ᠋ᠧᠮ ᠢ ᠪᠦᠷᠢᠯᠲᠤᠬᠦᠯᠤᠨ᠎ᠠ᠃ ᠲᠡᠯᠬᠡᠨ | ᠦᠵᠡᠬᠦᠯᠤᠯᠬᠡ ᠶᠢᠨ ᠠᠵᠤ ᠠᠬᠤᠢ᠂ ᠮᠦᠩᠬᠦᠨ ᠬᠦᠢᠯᠬᠡᠬᠡᠨ ᠤ ᠲᠡᠭᠠᠳᠬᠠᠯ᠂ ᠨᠠᠰᠤᠵᠢᠯ ᠤᠨ ᠤᠶᠢᠯᠡᠴᠢᠯᠡᠭᠡ᠂ | ᠳᠠᠨᠢᠯᠴᠠᠭᠤᠯᠤᠨ ᠯᠠᠪᠯᠠᠬᠤ ᠵᠡᠷᠬᠡ ᠰᠢᠨ᠎ᠡ ᠪᠠᠷ ᠬᠦᠭᠵᠢᠭᠰᠡᠨ ᠤᠶᠢᠯᠡᠴᠢᠯᠡᠬᠡᠨ ᠤ ᠤᠶᠢᠯᠡᠰ ᠤᠨ ᠲᠦᠷᠬᠡᠨ ᠬᠦᠭᠵᠢᠯᠲᠠ | ᠶᠢ ᠲᠦᠯᠬᠢᠨ ᠠᠬᠢᠭᠤᠯᠤᠨ᠎ᠠ᠃ | ︵ᠬᠤᠶᠠᠷ︶ ᠵᠤᠬᠢᠴᠠᠭᠤᠯᠤᠨ ᠬᠦᠭᠵᠢᠭᠦᠯᠬᠦ ᠶᠢ ᠪᠠᠷᠢᠮᠲᠠᠯᠠᠨ᠂ ᠬᠤᠲᠠ ᠬᠦᠳᠡᠭᠡ ᠶᠢᠨ ᠬᠦᠭᠵᠢᠯᠲᠡ ᠶᠢᠨ ᠬᠢᠷᠢ | ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠬᠡᠲᠤᠯᠲᠠᠢ ᠲᠦᠯᠤᠪᠵᠢᠬᠦᠯᠤᠨ ᠬᠦᠭᠵᠢᠭᠦᠯᠬᠦ | ᠤᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ | ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠲᠠ ᠬᠦᠳᠡᠭᠡ ᠶᠢᠨ ᠵᠦᠷᠢᠶ᠎ᠡ ᠶᠢ ᠪᠠᠭᠠᠰᠬᠠᠨ᠂ ᠬᠦᠭᠵᠢᠯᠲᠠ ᠶᠢᠨ | ᠪᠦᠬᠦᠯᠢ ᠴᠤᠭᠴᠠᠲᠦ ᠴᠢᠨᠠᠷ ᠢ ᠲᠠᠰᠤᠷᠠᠯᠲᠠ ᠦᠬᠡᠢ ᠨᠡᠮᠡᠭᠲᠡᠬᠦᠯᠤᠨ᠎ᠠ᠃ ᠲᠦᠭᠦᠮ ᠪᠦᠲᠤᠴᠡᠲᠤ ᠲᠤᠭᠤᠷᠢᠭ ᠢ | ᠦᠭᠡᠷᠡᠴᠢᠯᠡᠨ ᠵᠠᠰᠠᠬᠤ ᠶᠢ ᠯᠠᠪᠳᠠᠭᠤᠨ ᠠᠬᠢᠭᠤᠯᠵᠤ᠂ ᠮᠠᠯᠵᠢᠬᠤ ᠤᠷᠤᠨ ᠤ ᠢᠯᠡᠭᠦᠴᠨ ᠬᠦᠳᠡᠯᠮᠤᠷᠢ ᠬᠦᠴᠦᠨ ᠢ | ᠰᠢᠯᠵᠢᠭᠦᠯᠦᠨ ᠠᠵᠢᠯ ᠤᠯᠭᠤᠬᠤ ᠡᠯ᠎ᠡ ᠵᠦᠢᠯ ᠤᠨ ᠳᠡᠳᠬᠦᠨ ᠳᠡᠮᠵᠢᠬᠦ ᠠᠷᠭ᠎ᠠ ᠠᠪᠴᠠᠯ ᠢ ᠳᠡᠭᠦᠯᠳᠡᠷᠵᠢᠭᠦᠯᠦᠨ᠎ᠡ᠃ | 2020 ᠤᠨ ᠪᠤᠯᠬᠤ ᠳᠤ᠂ ᠪᠠᠶᠢᠩᠭᠤ ᠰᠠᠭᠤᠭ᠎ᠠ ᠬᠦᠮᠦᠨ ᠠᠮᠨ ᠶᠢᠨ ᠬᠤᠳᠠ ᠪᠠᠯᠭᠠᠰᠤᠵᠢᠯᠲᠠ ᠶᠢᠨ ᠨᠤᠷᠮ᠎ᠠ ᠶᠢ | 72% ᠳᠤ ᠬᠦᠷᠭᠡᠨ᠎ᠡ᠃ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠭᠦᠭᠡᠷᠦᠮᠵᠢ ᠪᠠ ᠤᠯᠠᠨ | ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠦᠢᠯᠡᠳᠤᠯ ᠴᠢᠳᠠᠪᠬᠢ ᠶᠢ ᠳᠡᠭᠦᠯᠳᠡᠷᠵᠢᠭᠦᠯᠵᠤ᠂ ᠬᠤᠳᠠ | ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠴᠨ ᠶᠢᠨ ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ᠃ ᠮᠠᠯᠴᠢᠬᠤ ᠤᠷᠤᠨ | ᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠲᠤᠳᠬᠠᠨ ᠲᠡᠬᠡᠭᠰᠢᠯᠡᠬᠦᠯᠵᠤ᠂ ᠮᠠᠯᠵᠢᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠤᠯᠠᠮ | ᠰᠠᠶᠢᠵᠢᠷᠠᠭᠤᠯᠤᠨ᠎ᠠ᠃ ᠴᠢᠬᠤᠯᠨ ᠲᠤᠮᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠤᠵᠢ | ᠶᠢᠨ ᠳᠡᠰ ᠤᠨ ᠵᠠᠮ ᠤᠨ 313 ᠱᠤᠭᠤᠮ᠂ ᠡᠷᠢᠶᠡᠡ ᠠᠴᠠ ᠭᠤᠸᠠᠩᠵᠸᠤ ᠬᠦᠷᠬᠦ ᠦᠨᠲᠤᠷ ᠬᠤᠷᠲᠤᠴᠠᠲᠦ ᠵᠠᠰᠠᠮᠠᠯ | ᠵᠠᠮ ᠤᠨ ᠬᠤᠯᠪᠤᠬᠤ ᠱᠤᠭᠤᠮ᠂ ᠵᠢᠷᠤᠬᠡ ᠠᠴᠠ ᠬᠤᠸᠠᠳᠧ ᠬᠦᠷᠬᠦ ᠲᠠᠮᠤᠷ ᠵᠠᠮ᠂ ᠨᠡᠶᠢᠲᠡ ᠶᠢᠨ ᠬᠡᠷᠡᠭᠯᠡᠭᠡᠨ ᠤ | ᠨᠢᠰᠬᠡᠯ ᠤᠨ ᠪᠠᠭᠤᠳᠠᠯ᠂ 220 ᠺᠢᠯᠤᠸᠤᠯᠲ ᠶᠢᠨ ᠴᠠᠬᠢᠯᠭᠠᠨ ᠬᠦᠴᠦᠳᠡᠯ ᠬᠤᠪᠢᠰᠬᠠᠬᠤ ᠦᠷᠳᠡᠭᠡ ᠪᠠ ᠷᠠᠳᠢᠤ᠋ | ᠰᠦᠯᠵᠢᠶ᠎ᠡ ᠶᠢᠨ ᠪᠦᠷᠬᠦᠴᠨ ᠶᠢᠨ ᠢᠨᠵᠧᠨᠧᠷᠢᠩ ᠢ ᠰᠠᠶᠢᠳᠤᠷ ᠬᠡᠷᠡᠭᠵᠢᠭᠦᠯᠦᠨ᠂ ᠵᠠᠮ᠂ ᠴᠠᠬᠢᠯᠭᠠᠨ᠂ ᠮᠡᠳᠡᠭᠡ ᠵᠠᠩᠬᠢ | ᠶᠢᠨ ᠲᠤᠤᠷ ᠤᠨ ᠪᠦᠲᠦᠴᠨ ᠶᠢ ᠤᠯᠠᠮ ᠰᠢᠯᠢᠳᠡᠭᠵᠢᠭᠦᠯᠦᠨ᠎ᠡ᠃ | ︵ᠭᠤᠷᠪᠠ︶ ᠪᠤᠬᠢᠷᠳᠤᠯ ᠦᠬᠡᠢ ᠬᠦᠭᠵᠢᠯᠲᠠ ᠶᠢ ᠪᠠᠷᠢᠮᠲᠠᠯᠠᠵᠤ᠂ ᠠᠮᠢ ᠠᠬᠤᠢ ᠶᠢᠨ ᠤᠷᠴᠢᠨ ᠲᠤᠭᠤᠷᠢᠨ ᠢ | ᠴᠢᠷᠮᠠᠶᠢᠨ ᠰᠠᠶᠢᠵᠢᠷᠠᠭᠤᠯᠤᠨ᠎ᠠ᠃ ᠬᠦᠭᠵᠢᠭᠦᠯᠬᠦ ᠶᠢᠨ ᠳᠤᠮᠳᠠ ᠬᠠᠮᠠᠭᠠᠯᠠᠬᠤ᠂ ᠬᠠᠮᠠᠭᠠᠯᠠᠬᠤ ᠶᠢᠨ ᠳᠤᠮᠳᠠ | ᠬᠦᠭᠵᠢᠭᠦᠯᠬᠦ ᠶᠢ ᠪᠠᠷᠢᠮᠳᠠᠯᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠪᠡᠬᠡᠵᠢᠩ ᠲᠢᠶᠡᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ ᠬᠤᠶᠠᠲᠤᠭᠠᠷ ᠬᠤᠭᠤᠴᠠᠭᠠᠨ ᠤ ᠢᠨᠵᠧᠨᠧᠷᠢᠩ ᠲᠠᠢ | ᠤᠶᠠᠯᠲᠤᠭᠤᠯᠤᠨ᠂ ᠠᠮᠢ ᠠᠬᠤᠢ ᠪᠠ ᠭᠤᠤᠯᠲᠠᠯᠭ᠎ᠠ ᠲᠠᠢ ᠤᠷᠤᠨ ᠤ ᠨᠤᠭᠤᠭᠠᠷᠠᠭᠤᠯᠤᠯᠲᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 2020 ᠤᠨ ᠪᠤᠯᠬᠤ ᠳᠤ᠂ ᠪᠦᠬᠦ ᠬᠤᠰᠢᠭᠤᠨ ᠤ ᠤᠢ | ᠰᠢᠭᠤᠢ ᠶᠢᠨ ᠪᠦᠷᠬᠦᠴᠨ ᠶᠢᠨ ᠨᠤᠷᠮ᠎ᠠ ᠶᠢ 22.5% ᠳᠤ ᠬᠦᠷᠭᠡᠨ᠎ᠡ᠃ ᠠᠮᠢ ᠠᠬᠤᠢ ᠶᠢᠨ ᠤᠯᠠᠭᠠᠨ ᠱᠤᠭᠤᠮ ᠢ | ᠲᠤᠭᠲᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠨ᠎ᠠ᠃ ᠠᠭᠠᠷ ᠮᠠᠨᠲᠠᠯ᠂ ᠤᠰᠤ᠂ ᠬᠦᠷᠤᠰᠤ ᠰᠢᠷᠤᠢ ᠶᠢᠨ | ᠪᠤᠬᠢᠷᠲᠤᠯ ᠢ ᠰᠡᠷᠬᠡᠶᠢᠯᠡᠨ ᠵᠠᠰᠠᠬᠤ ᠲᠦᠯᠦᠪᠯᠡᠭᠡ ᠶᠢ ᠬᠡᠷᠡᠭᠵᠢᠭᠦᠯᠵᠤ᠂ ᠠᠮᠢ ᠠᠬᠤᠢ ᠶᠢᠨ ᠬᠠᠮᠠᠭᠠᠯᠠᠯᠲᠠ ᠪᠠ | ᠰᠡᠷᠭᠦᠯᠲᠡ ᠶᠢ ᠴᠢᠩᠭᠠᠳᠬᠠᠨ᠎ᠠ᠃ ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠬᠤ ᠪᠠ ᠲᠤᠤᠷ᠎ᠠ | ᠨᠡᠬᠦᠷᠡᠰᠤᠳᠦ᠋ᠷᠦᠭᠴᠢᠲᠦ ᠬᠦᠭᠵᠢᠯᠲᠠ ᠶᠢ ᠲᠦᠯᠬᠢᠨ ᠠᠬᠢᠭᠤᠯᠵᠤ᠂ GDP ᠶᠢᠨ ᠨᠢᠬᠡᠴᠢ ᠬᠤᠷᠤᠭᠲᠠᠯ ᠪᠠ | ᠪᠤᠬᠢᠷᠲᠤᠯ ᠲᠠᠢ ᠪᠤᠲᠠᠰ ᠤᠨ ᠭᠠᠲᠠᠭᠰᠢᠯᠠᠭᠤᠯᠤᠯᠲᠠ ᠶᠢᠨ ᠬᠡᠮᠵᠢᠶ᠎ᠡ ᠶᠢ ᠤᠯᠠᠮ ᠪᠠᠭᠤᠷᠠᠭᠤᠯᠤᠨ᠎ᠠ᠃ | ︵ᠲᠦᠷᠪᠡ︶ ᠨᠡᠬᠡᠬᠡᠯᠲᠡᠲᠦ ᠬᠦᠭᠵᠢᠯᠲᠠ ᠶᠢ ᠪᠠᠷᠢᠮᠲᠠᠯᠠᠵᠤ᠂ ᠬᠦᠭᠵᠢᠯᠲᠠ ᠶᠢᠨ ᠠᠮᠢᠵᠢᠷᠠᠯ ᠤᠨ ᠬᠦᠴᠤᠨ ᠢ | ᠦᠷᠭᠦᠯᠵᠢᠯᠡᠨ ᠲᠡᠬᠡᠭᠰᠢᠯᠡᠬᠦᠯᠤᠨ᠎ᠠ᠃ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠵᠤ᠂ ᠬᠠᠤᠯᠢ ᠪᠠᠷ | ᠵᠠᠰᠠᠬᠤ ᠵᠠᠰᠠᠭ ᠤᠨ ᠤᠷᠳᠤᠨ ᠢ ᠪᠦᠬᠦ ᠬᠦᠴᠦᠨ ᠢᠶᠠᠷ ᠪᠠᠶᠢᠭᠤᠯᠤᠨ᠂ ᠡᠬᠢ ᠪᠠᠶᠠᠯᠢᠭ ᠤᠨ ᠲᠤᠬᠢᠷᠠᠭᠤᠯᠤᠯᠲᠠ | ᠳᠤᠮᠳᠠᠬᠢ ᠵᠠᠬ᠎ᠠ ᠳᠡᠯᠭᠡᠭᠦᠷ ᠤᠨ ᠦᠢᠯᠡᠳᠤᠯ ᠢ ᠪᠠᠳᠠᠷᠠᠭᠤᠯᠵᠤ᠂ ᠰᠢᠨ᠎ᠡ ᠬᠡᠪ ᠪᠠᠶᠢᠳᠠᠯ ᠲᠤᠤᠷᠠᠬᠢ ᠠᠵᠤ ᠠᠬᠤᠢ ᠶᠢᠨ | ᠦᠪᠡᠷᠳᠡᠭᠡᠨ ᠬᠦᠭᠵᠢᠬᠦ ᠪᠠᠶᠢᠭᠤᠯᠤᠮᠵᠢ ᠶᠢᠨ ᠲᠤᠭᠳᠠᠴᠠ ᠶᠢ ᠠᠭᠠᠵᠢᠮ ᠢᠶᠠᠷ ᠪᠦᠷᠢᠯᠳᠤᠭᠦᠯᠦᠨ᠎ᠡ᠃ ᠡᠷᠢᠶᠡᠨ ᠬᠤᠲᠠ | ᠶᠢᠨ ᠤᠯᠤᠰ ᠤᠨ ᠭᠤᠤᠯᠲᠠᠯᠭ᠎ᠠ ᠲᠠᠢ ᠨᠡᠬᠡᠬᠡᠨ ᠬᠦᠭᠵᠢᠬᠦᠯᠵᠤ ᠴᠢᠯᠤᠬᠡᠲᠠᠢ ᠲᠠᠯᠪᠢᠬᠤ ᠲᠤᠷᠰᠢᠯᠲᠠ ᠶᠢᠨ ᠤᠷᠤᠨ ᠳᠤ | ᠲᠦᠰᠢᠭᠯᠡᠨ᠂ ᠲᠤᠮᠲᠠᠲᠦ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠠᠶᠢᠴᠠ ᠶᠢᠨ ᠲᠠᠪᠠᠭᠤᠯᠢᠭ ᠢᠶᠠᠨ | ᠪᠠᠲᠠᠷᠭᠤᠯᠤᠨ᠂ ᠪᠡᠬᠡᠵᠢᠩ ᠲᠢᠶᠠᠨᠵᠢᠨ ᠡᠾᠧᠪᠸᠢ ᠵᠡᠷᠬᠡ ᠭᠠᠵᠠᠷ ᠤᠷᠤᠨ ᠯᠤᠭ᠎ᠠ ᠶᠢᠨ ᠵᠤᠬᠢᠴᠠᠯᠴᠠᠭ᠎ᠠ ᠪᠠᠨ | ᠴᠢᠩᠭᠠᠳᠬᠠᠨ᠂ ᠡᠯ᠎ᠡ ᠭᠠᠵᠠᠷ ᠤᠨ ᠨᠡᠶᠢᠬᠡᠮᠯᠢᠭ᠂ ᠬᠤᠲᠠᠯᠲᠤᠭᠠᠨ ᠤ ᠡᠪᠯᠡᠯ ᠵᠡᠷᠬᠡ ᠠᠵᠢᠯ ᠲᠦᠷᠤᠯ ᠤᠨ ᠵᠤᠬᠢᠶᠠᠨ | ᠪᠠᠶᠢᠭᠤᠯᠤᠯᠲᠠ ᠶᠢᠨ ᠬᠠᠷᠢᠴᠠᠭ᠎ᠠ ᠪᠠᠨ ᠨᠢᠭᠳᠠᠷᠠᠭᠤᠯᠵᠤ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠨ᠂ ᠬᠠᠮᠲᠤ | ᠪᠠᠷ ᠠᠮᠵᠢᠯᠲᠠ ᠤᠯᠬᠤ ᠬᠦᠭᠵᠢᠯᠲᠠ ᠶᠢᠨ ᠪᠠᠶᠢᠲᠠᠯ ᠢ ᠪᠦᠷᠢᠯᠳᠦᠭᠦᠯᠵᠤ᠂ ᠠᠵᠤ ᠦᠢᠯᠡᠳᠪᠦᠷᠢ ᠶᠢᠨ ᠪᠦᠲᠦᠭᠡᠭᠳᠡᠭᠦᠨ | ᠢ ᠭᠠᠳᠠᠭᠰᠢ ᠪᠤᠷᠤᠯᠠᠭᠤᠯᠬᠤ ᠵᠠᠬ᠎ᠠ ᠳᠡᠯᠭᠡᠭᠦᠷ ᠢ ᠨᠡᠭᠡᠭᠡᠨ ᠦᠷᠭᠡᠳᠬᠡᠵᠤ᠂ ᠮᠠᠨ ᠤ ᠬᠤᠰᠢᠭᠤ ᠪᠠᠨ ᠠᠯᠬᠤᠮ ᠠᠯᠬᠤᠮ | ᠢᠶᠠᠷ ︽ᠨᠢᠭᠡ ᠪᠦᠰᠨ ᠨᠢᠭᠡ ᠵᠠᠮ︾ ᠤᠨ ᠤᠮᠠᠷᠠᠰᠢ ᠨᠡᠭᠡᠭᠡᠯᠲᠡ ᠬᠢᠬᠦ ᠴᠢᠬᠤᠯᠨ ᠵᠠᠩᠭᠢᠯᠭ᠎ᠠ ᠶᠢᠨ ᠴᠢᠭ ᠪᠤᠯᠭᠠᠨ᠎ᠠ᠃ | ︵ᠲᠠᠪᠤ︶ ᠬᠦᠭᠵᠢᠯᠲᠠ ᠶᠢ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠬᠡᠰᠢᠭ ᠪᠤᠶᠠᠨ ᠢ | ᠨᠡᠮᠡᠭᠲᠡᠬᠦᠯᠤᠨ᠎ᠠ᠃ ᠠᠷᠠᠳ ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠬᠤ ᠶᠢ ᠲᠡᠷᠢᠭᠦᠨ ᠬᠠᠷᠠᠯᠲᠠ ᠪᠤᠯᠭᠠᠵᠤ᠂ | ᠠᠵᠢᠯ ᠤᠯᠭᠤᠯᠲᠠ᠂ ᠰᠤᠷᠭᠠᠨ ᠬᠦᠮᠤᠵᠢᠯ᠂ ᠡᠮ ᠡᠮᠨᠡᠯᠬᠡ᠂ ᠰᠤᠶᠤᠯ᠂ ᠰᠢᠨᠵᠢᠯᠡᠭᠡ ᠮᠡᠷᠬᠡᠵᠢᠯ ᠪᠠ ᠨᠡᠶᠢᠬᠡᠮ ᠤᠨ | ᠪᠠᠳᠤᠯᠠᠭ᠎ᠠ ᠵᠡᠷᠬᠡ ᠤᠯᠠᠨ ᠨᠡᠶᠢᠲᠠ ᠶᠢᠨ ᠤᠶᠢᠯᠡᠴᠢᠯᠡᠬᠡᠨ ᠤ ᠰᠢᠰᠲ᠋ᠧᠮ ᠢ ᠪᠦᠷᠢᠨᠰᠢᠭᠦᠯᠵᠤ᠂ ᠤᠯᠠᠨ ᠨᠡᠶᠢᠲᠡ ᠶᠢᠨ | ᠦᠨᠳᠤᠰᠤᠨ ᠦᠢᠯᠡᠴᠢᠯᠡᠭᠡᠨ ᠤ ᠲᠡᠩᠴᠡᠭᠦᠷᠢᠰᠢᠯᠲᠠ ᠶᠢ ᠲᠦᠯᠬᠢᠨ ᠠᠬᠢᠭᠤᠯᠤᠨ᠎ᠠ᠃ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠬᠢᠵᠤ᠂ ᠮᠠᠯᠵᠢᠬᠤ ᠤᠷᠤᠨ ᠤ ᠶᠠᠳᠠᠭᠤ | ᠬᠦᠴᠢᠷᠳᠡᠯᠲᠡᠢ ᠬᠦᠮᠦᠰ ᠢ ᠪᠦᠬᠦᠨ ᠢ ᠶᠠᠳᠠᠭᠤ ᠠᠴᠠ ᠠᠩᠬᠢᠵᠢᠷᠠᠭᠤᠯᠤᠨ᠂ ︽ᠦᠪᠡᠷᠳᠡᠭᠡᠨ ᠵᠠᠰᠠᠬᠤ ᠤᠷᠤᠨ ᠤ ᠳᠡᠰ | ᠤᠨ ᠶᠠᠳᠠᠭᠤ ᠬᠤᠰᠢᠭᠤ︾ ᠶᠢᠨ ᠨᠡᠷ᠎ᠡ ᠪᠠᠨ ᠳᠠᠶᠠᠭᠳᠠᠨᠠ᠃ ᠪᠦᠬᠦ ᠠᠷᠠᠳ ᠤᠨ ᠦᠢᠯᠡᠰ ᠪᠤᠰᠬᠠᠨ ᠠᠵᠢᠯ ᠤᠯᠭᠤᠬᠤ | ᠢᠨᠵᠧᠨᠧᠷᠢᠩ ᠢ ᠰᠠᠶᠢᠳᠤᠷ ᠬᠡᠷᠡᠭᠵᠢᠭᠦᠯᠦᠨ᠂ ᠤᠷᠤᠯᠭ᠎ᠠ ᠪᠠᠨ ᠬᠤᠪᠢᠶᠠᠷᠢᠯᠠᠬᠤ ᠲᠦᠷᠢᠮ ᠤᠨ ᠦᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠤᠷᠤᠯᠭ᠎ᠠ ᠶᠢᠨ ᠵᠦᠷᠢᠶ᠎ᠠ ᠶᠢ ᠤᠯᠠᠮ ᠪᠠᠭᠠᠰᠬᠠᠨ᠎ᠠ᠃ ᠤᠷᠤᠨ ᠰᠠᠭᠤᠴᠨ ᠶᠢᠨ ᠪᠠᠳᠤᠯᠠᠭ᠎ᠠ | ᠶᠢᠨ ᠰᠢᠰᠲ᠋ᠧᠮ ᠢ ᠪᠦᠷᠢᠨᠰᠢᠭᠦᠯᠦᠨ᠂ ᠡᠯ᠎ᠡ ᠲᠦᠷᠦᠯ ᠤᠨ ᠬᠦᠮᠦᠰ ᠤᠨ ᠤᠷᠤᠨ ᠰᠠᠭᠤᠴᠨ ᠶᠢᠨ ᠬᠡᠷᠡᠭᠴᠡᠭᠡ ᠶᠢ | ᠪᠠᠳᠤᠯᠠᠨ᠎ᠠ᠃ ᠰᠤᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠭᠠᠨ ᠬᠦᠮᠤᠵᠢᠯ ᠤᠨ | ᠵᠢᠭᠠᠨ ᠰᠤᠷᠭᠠᠯᠲᠠ ᠶᠢᠨ ᠶᠡᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ ᠨᠡᠶᠢᠲᠡ ᠶᠢᠨ ᠰᠤᠶᠤᠯ ᠲᠠᠮᠢᠷ | ᠤᠨ ᠲᠦᠬᠦᠭᠡᠷᠦᠮᠵᠢ ᠶᠢ ᠪᠦᠷᠢᠨᠰᠢᠭᠦᠯᠵᠤ᠂ ᠠᠷᠠᠳ ᠤᠯᠠᠨ ᠤ ᠡᠳᠤᠷ ᠢᠷᠡᠭᠦᠶ᠎ᠡ ᠨᠡᠮᠡᠭᠳᠡᠵᠤ ᠪᠦᠬᠦᠢ ᠰᠤᠶᠤᠯ ᠲᠠᠮᠢᠷ | ᠴᠢᠬᠢᠷᠠᠭᠵᠢᠯ ᠤᠨ ᠬᠡᠷᠡᠭᠴᠡᠭᠡ ᠶᠢ ᠬᠠᠩᠭᠠᠨ᠎ᠠ᠃ ᠠᠷᠠᠳ ᠤᠯᠠᠨ ᠤ ᠪᠤᠳᠠᠰ ᠤᠨ ᠠᠮᠢᠳᠤᠷᠠᠯ ᠨᠡᠩ ᠡᠯᠪᠡᠭ᠂ ᠤᠶᠤᠨ | ᠤ ᠠᠮᠢᠳᠤᠷᠠᠯ ᠨᠡᠩ ᠪᠠᠶᠠᠯᠢᠭ ᠪᠠᠶᠢᠬᠤ ᠶᠢ ᠪᠠᠳᠤᠯᠠᠵᠤ᠂ ᠠᠷᠠᠳ ᠤᠯᠠᠨ ᠤ ᠠᠰᠢᠭ ᠬᠦᠷᠳᠡᠬᠦ ᠪᠠ ᠵᠤᠯ ᠵᠢᠷᠭᠠᠯ ᠢ | ᠤᠯᠠᠮ ᠨᠡᠮᠡᠭᠳᠡᠭᠦᠯᠦᠨ᠎ᠡ᠃ | ᠲᠦᠯᠤᠬᠡᠯᠡᠭᠴᠢᠳ ᠡ︕ ᠬᠤᠶᠢᠰᠢᠲᠠ ᠶᠢᠨ ᠲᠠᠪᠤᠨ ᠵᠢᠯ ᠢ ᠪᠠᠷᠠᠭᠠᠯᠠᠬᠤ ᠳᠤ᠂ ᠠᠵᠨ ᠲᠤᠬᠢᠶᠠᠯ ᠪᠠ | ᠦᠷᠢᠰᠤᠯᠳᠦᠭᠡᠨ ᠵᠡᠷᠭᠡᠪᠡᠷ ᠤᠷᠤᠰᠢᠵᠤ ᠪᠠᠶᠢᠨ᠎ᠠ᠃ ᠪᠦᠬᠦ ᠬᠤᠰᠢᠭᠤᠨ ᠤ ᠡᠯ᠎ᠡ ᠦᠨᠲᠤᠰᠤᠲᠠᠨ ᠤ ᠠᠷᠠᠳ ᠲᠦᠮᠠᠨ | ᠤ ᠬᠠᠮᠲᠤ ᠶᠢᠨ ᠴᠢᠷᠮᠠᠶᠢᠯᠭ᠎ᠠ ᠲᠤᠤᠷ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠤᠭ᠎ᠠ ᠲᠦᠯᠦᠪᠯᠡᠭᠡ | ᠯᠠᠪᠲᠠᠢ ᠪᠡᠶᠡᠯᠡᠭᠳᠡᠵᠤ᠂ ᠬᠦᠪᠡᠬᠡᠲᠦ ᠰᠢᠷ᠎ᠠ ᠬᠤᠰᠢᠭᠤᠨ ᠤ ᠢᠷᠡᠬᠡᠲᠤᠢ ᠨᠡᠩ ᠰᠠᠶᠢᠨ ᠰᠠᠶᠢᠬᠠᠨ ᠪᠤᠯᠬᠤ ᠶᠢ ᠪᠢᠲᠠ | ᠪᠠᠲᠦ ᠢᠲᠡᠬᠡᠵᠤ ᠪᠠᠶᠢᠨ᠎ᠠ᠃ | ᠭᠤᠷᠪᠠ᠂ 2016 ᠤᠨ ᠤ ᠠᠵᠢᠯ ᠤᠨ ᠪᠠᠶᠢᠷᠢᠯᠠᠭᠤᠯᠤᠯᠲᠠ | 2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠬᠡᠷᠡᠭᠵᠢᠭᠦᠯᠬᠦ | ᠡᠬᠢᠯᠡᠯᠲᠡ ᠶᠢᠨ ᠵᠢᠯ ᠪᠤᠯᠤᠨ᠎ᠠ᠃ ᠡᠨᠡ ᠵᠢᠯ ᠤᠨ ᠠᠵᠢᠯ ᠢᠶᠠᠨ ᠰᠠᠶᠢᠳᠤᠷ ᠬᠢᠬᠦ ᠨᠢ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠰᠠᠶᠢᠨ ᠪᠠᠶᠢᠳᠠᠯ ᠢ ᠪᠠᠳᠤᠯᠠᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢ ᠰᠠᠶᠢᠨ ᠢᠶᠠᠷ ᠡᠬᠢᠯᠡᠭᠦᠯᠬᠦ ᠳᠤ ᠲᠦᠢᠯ ᠤᠨ ᠴᠢᠬᠤᠯᠨ ᠠᠴᠢ ᠬᠤᠯᠪᠤᠭᠳᠠᠯ ᠲᠠᠢ ᠶᠤᠮ᠃ ᠡᠨᠡ | ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠤᠯ᠄ ᠣᠷᠣᠨ ᠨᠣᠳᠤᠭ ᠤᠨ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ 56.5 ᠳ᠋ᠦᠩᠰᠢᠭᠤᠷ ᠲᠦᠭᠦᠷᠢᠭ ᠲᠤ ᠬᠦᠷᠭᠡᠵᠤ᠂ 10% ᠪᠠᠷ | ᠨᠡᠮᠡᠭᠳᠡᠭᠦᠯᠦᠨ᠎ᠡ᠃ ᠡᠭᠦᠨ ᠳᠤ᠂ ᠨᠢᠭᠡᠳᠤᠭᠡᠷ ᠠᠵᠤ ᠦᠢᠯᠡᠰ ᠤᠨ ᠨᠡᠮᠡᠭᠳᠡᠯ ᠦᠷᠳᠡᠭ ᠢ 3.6 ᠳ᠋ᠦᠩᠰᠢᠭᠤᠷ | ᠲᠦᠭᠦᠷᠢᠭ ᠲᠤ ᠬᠦᠷᠭᠡᠵᠤ᠂ 4.8% ᠪᠠᠷ ᠨᠡᠮᠡᠭᠳᠡᠭᠦᠯᠦᠨ᠎ᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ | ᠢ 43.4 ᠳ᠋ᠦᠩᠰᠢᠭᠤᠷ ᠲᠦᠭᠦᠷᠢᠭ ᠲᠤ ᠬᠦᠷᠭᠡᠵᠤ᠂ 12.5% ᠪᠠᠷ ᠨᠡᠮᠡᠭᠳᠡᠭᠦᠯᠦᠨ᠎ᠡ᠃ ᠭᠤᠷᠪᠠᠳᠤᠭᠠᠷ ᠠᠵᠤ | ᠦᠢᠯᠡᠰ ᠤᠨ ᠨᠡᠮᠡᠭᠳᠡᠯ ᠤᠨ ᠦᠷᠳᠡᠭ ᠢ 9.5 ᠳ᠋ᠦᠩᠰᠢᠭᠤᠷ ᠲᠦᠭᠦᠷᠢᠭ ᠲᠤ ᠬᠦᠷᠭᠡᠵᠤ᠂ 5.2% ᠪᠠᠷ | ᠨᠡᠮᠡᠭᠳᠡᠭᠦᠯᠦᠨ᠎ᠡ᠃ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 2.57 ᠳ᠋ᠦᠩᠰᠢᠭᠤᠷ | ᠲᠦᠭᠦᠷᠢᠭ ᠲᠤ ᠬᠦᠷᠭᠡᠵᠤ᠂ 10.6% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ | ᠪᠡᠯᠡ ᠤᠷᠤᠭᠤᠯᠤᠯᠲᠠ ᠶᠢ15.97 ᠳ᠋ᠦᠩᠰᠢᠭᠤᠷ ᠲᠦᠭᠦᠷᠢᠭ ᠲᠤ ᠬᠦᠷᠭᠡᠵᠤ᠂ 21.3% ᠪᠠᠷ ᠨᠡᠮᠡᠭᠳᠡᠭᠦᠯᠦᠨ᠎ᠡ᠃ | ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠣᠬᠤ ᠶᠡᠷᠦᠩᠬᠡᠢ ᠬᠡᠮᠵᠢᠶ᠎ᠡ ᠶᠢ 6.1 ᠳ᠋ᠦᠩᠰᠢᠭᠤᠷ | ᠲᠦᠭᠦᠷᠢᠭ ᠲᠤ ᠬᠦᠷᠭᠡᠵᠤ᠂ 7.2% ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠨ ᠤᠷᠤᠯᠭ᠎ᠠ ᠶᠢ 34000 | ᠲᠦᠭᠦᠷᠢᠭ ᠲᠤ ᠬᠦᠷᠭᠡᠵᠤ᠂ 9.1% ᠪᠠᠷ ᠨᠡᠮᠡᠭᠳᠡᠭᠦᠯᠵᠤ︔ ᠮᠠᠯᠵᠢᠬᠤ ᠤᠷᠤᠨ ᠤ ᠪᠠᠶᠢᠩᠭᠤ ᠰᠠᠭᠤᠭ᠎ᠠ ᠬᠦᠮᠦᠨ | ᠠᠮᠨ ᠶᠢᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 12860 ᠲᠦᠭᠦᠷᠢᠭ ᠲᠤ | ᠬᠦᠷᠭᠡᠵᠤ᠂ 10.3% ᠪᠠᠷ ᠨᠡᠮᠡᠭᠳᠡᠭᠦᠯᠦᠨ᠎ᠡ᠃ | ᠲᠤᠭᠳᠠᠭᠠᠭᠰᠠᠨ ᠡᠭᠦᠷᠭᠡ ᠬᠠᠷᠠᠯᠲᠠ ᠶᠢᠨ ᠲᠤᠭᠤᠷᠢᠨ ᠳᠤ᠂ ᠲᠤᠤᠷᠠᠬᠢ ᠨᠠᠢᠮᠠᠨ ᠳᠠᠯ᠎ᠠ ᠶᠢᠨ ᠠᠵᠢᠯ ᠢ | ᠴᠢᠬᠤᠯᠠᠴᠢᠯᠠᠨ ᠰᠠᠶᠢᠳᠤᠷ ᠠᠳᠬᠤᠬᠤ ᠬᠡᠷᠡᠭᠲᠠᠢ᠃ | ︵ᠨᠢᠬᠡ︶ ᠣᠳᠤᠬᠢᠴᠢᠯᠠᠭᠰᠠᠨ ᠮᠠᠯ ᠠᠵᠤ ᠠᠬᠤᠢ ᠶᠢ ᠬᠦᠭᠵᠢᠬᠦᠯᠬᠦ ᠱᠠᠭᠠᠷᠲᠠᠯᠭ᠎ᠠ ᠶᠤᠰᠤᠭᠠᠷ᠂ ᠨᠢᠬᠡᠲᠤᠬᠡᠷ | ᠠᠵᠤ ᠤᠶᠢᠯᠠᠰ ᠪᠠ ᠬᠤᠶᠠᠷ ᠭᠤᠷᠪᠠᠲᠤᠭᠠᠷ ᠠᠵᠤ ᠤᠶᠢᠯᠠᠰ ᠢ ᠨᠢᠭᠡᠳᠬᠡᠨ ᠬᠦᠭᠵᠢᠬᠦᠯᠬᠦ ᠶᠢ ᠲᠦᠯᠬᠢᠨ ᠠᠬᠢᠭᠤᠯᠤᠨ᠎ᠠ | ᠃ | ᠮᠠᠯ ᠠᠵᠤ ᠠᠬᠤᠢ ᠶᠢᠨ ᠪᠦᠲᠦᠴᠨ ᠳᠤ ᠲᠤᠬᠢᠷᠠᠭᠤᠯᠤᠯᠲᠠ ᠬᠢᠵᠤ ᠰᠢᠯᠢᠲᠡᠭᠵᠢᠬᠦᠯᠤᠨ᠎ᠠ᠃ ︽ᠬᠤᠨᠢ ᠶᠢ | ᠲᠤᠭᠳᠠᠪᠤᠷᠢᠵᠢᠭᠤᠯᠤᠨ ᠦᠬᠡᠷ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠤᠷᠤᠯᠭ᠎ᠠ ᠶᠢ ᠨᠡᠮᠡᠭᠳᠡᠭᠦᠯᠬᠦ︾ | ᠵᠠᠷᠴᠢᠮ ᠶᠤᠰᠤᠭᠠᠷ᠂ ᠲᠡᠵᠢᠭᠡᠨ ᠦᠷᠡᠵᠢᠭᠦᠯᠬᠦ ᠭᠤᠷᠪᠠᠨ ᠲᠤᠭᠤᠷᠢᠭ ᠢ ᠪᠦᠬᠦ ᠲᠠᠯ᠎ᠠ ᠪᠠᠷ ᠰᠢᠯᠢᠳᠡᠭᠵᠢᠭᠦᠯᠵᠤ᠂ | ᠴᠦᠬᠡᠨ ᠪᠦᠬᠡᠳ ᠨᠠᠷᠢᠯᠢᠭ ᠮᠠᠯᠵᠢᠵᠤ ᠨᠡᠷ᠎ᠠ ᠲᠡᠮᠲᠡᠭ ᠡᠬᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠦᠨᠳᠤᠷ | ᠦᠷ᠎ᠡ ᠠᠰᠢᠭᠲᠤ᠂ ᠪᠤᠬᠢᠷᠳᠤᠯ ᠦᠭᠡᠢ᠂ ᠭᠠᠮᠰᠢᠭ ᠠᠴᠠ ᠵᠠᠶᠢᠯᠠᠰᠬᠢᠬᠦ ᠬᠡᠯᠪᠡᠷᠢ ᠶᠢᠨ ᠮᠠᠯ ᠠᠵᠤ ᠠᠬᠤᠢ ᠶᠢ | ᠬᠦᠭᠵᠢᠭᠦᠯᠬᠦ ᠪᠠᠷ ᠰᠢᠪᠳᠤᠯᠤᠯᠲᠠ ᠪᠤᠯᠭᠠᠨ᠎ᠠ᠃ ᠮᠢᠬᠠᠨ ᠤ ᠬᠤᠨᠢ ᠶᠢ ᠠᠷᠠᠴᠢᠯᠠᠨ ᠮᠠᠯᠵᠢᠬᠤ ᠲᠤᠭᠤᠷᠢᠭ ᠲᠤ ᠴᠠᠬᠠᠷ | ᠬᠤᠨᠢ ᠶᠢ ᠰᠣᠩᠭᠤᠨ ᠪᠣᠶᠢᠵᠢᠭᠤᠯᠵᠣ ᠠᠷᠠᠴᠢᠯᠠᠨ ᠮᠠᠯᠵᠢᠬᠤ ᠶᠢ ᠭᠤᠣᠯᠳᠠᠯᠭ᠎ᠠ ᠲᠠᠢ ᠠᠳᠬᠤᠨ᠂ ︽ᠴᠠᠬᠠᠷ | ᠬᠤᠨᠢᠨ ᠤ ᠠᠵᠣ ᠦᠢᠯᠡᠰ ᠢ ᠬᠦᠭᠵᠢᠭᠦᠯᠬᠦ ᠲᠠᠪᠤᠨ ᠵᠢᠯ ᠤᠨ ᠲᠦᠯᠦᠪᠵᠢᠭᠦᠯᠭᠡ ︵2015—2019 ᠤᠨ︶︾ | ᠶᠢ ᠤᠯᠠᠮ ᠳᠡᠭᠦᠯᠳᠡᠷᠵᠢᠭᠦᠯᠵᠤ᠂ ᠮᠠᠯᠴᠢᠳ ᠢ ᠵᠢᠯᠤᠭᠤᠲᠤᠨ ᠴᠠᠬᠠᠷ ᠬᠤᠨᠢ ᠮᠠᠯᠵᠢᠬᠤ ᠬᠡᠪᠴᠢᠶ᠎ᠡ ᠶᠢ ᠦᠷᠭᠡᠳᠬᠡᠵᠤ᠂ | ᠴᠠᠬᠠᠷ ᠬᠤᠨᠢᠨ ᠤ ᠦᠷ᠎ᠠ ᠶᠢᠨ ᠮᠠᠯ ᠬᠠᠩᠭᠠᠬᠤ ᠰᠠᠭᠤᠷᠢᠨ ᠭᠠᠵᠠᠷ ᠢ ᠪᠦᠲᠤᠬᠡᠨ ᠪᠠᠶᠢᠭᠤᠯᠬᠤ ᠠᠵᠢᠯ ᠢ ᠰᠠᠶᠢᠳᠤᠷ | ᠠᠳᠬᠤᠨ᠂ ᠬᠤᠰᠢᠭᠤ ᠦᠷ᠎ᠠ ᠶᠢᠨ ᠮᠠᠯ ᠤᠨ ᠲᠠᠯᠠᠪᠠᠢ ᠪᠠᠷ ᠲᠤᠯᠤᠭᠠᠶᠢᠯᠠᠭᠴᠢ ᠪᠤᠯᠭᠠᠭᠰᠠᠨ᠂ ᠬᠤᠷᠰᠢᠶᠠᠵᠢᠯ ᠪᠠ | ᠦᠷ᠎ᠠ ᠶᠢᠨ ᠮᠠᠯ ᠢ ᠦᠷᠡᠵᠢᠬᠦᠯᠤᠨ ᠪᠤᠶᠢᠵᠢᠭᠤᠯᠬᠤ ᠲᠤᠰᠬᠠᠢ ᠡᠷᠤᠬᠡ ᠶᠢ ᠬᠠᠮᠤᠷᠤᠭᠰᠠᠨ᠂ ᠵᠢᠯ ᠳᠤ ᠲᠦᠮᠠᠨ | ᠲᠤᠯᠤᠭᠠᠢ ᠠᠴᠠ ᠲᠡᠬᠡᠭᠰᠢ ᠴᠡᠪᠠᠷ ᠡᠭᠦᠯᠳᠡᠷ ᠤᠨ ᠦᠷ᠎ᠠ ᠶᠢᠨ ᠮᠠᠯ ᠬᠠᠩᠭᠠᠬᠤ ᠰᠠᠭᠤᠷᠢᠨ ᠭᠠᠵᠠᠷ ᠢ ᠪᠦᠲᠤᠬᠡᠨ | ᠪᠠᠶᠢᠭᠤᠯᠤᠨ᠎ᠠ᠃ ᠬᠤᠯᠠᠨ ᠰᠢᠷᠭ᠎ᠠ ᠶᠢᠨ ᠡᠯᠡᠰᠤᠨ ᠤ ᠮᠢᠬᠠᠨ ᠤ ᠦᠬᠡᠷ ᠢ ᠠᠷᠠᠴᠢᠯᠠᠨ ᠮᠠᠯᠵᠢᠬᠤ ᠲᠤᠭᠤᠷᠢᠭ ᠲᠤ | ᠰᠢᠮᠧᠨ᠋ᠲ᠋ᠧᠷ ᠦᠬᠡᠷ ᠤᠨ ᠭᠤᠣᠯᠳᠠᠯᠭᠠᠳᠣ ᠰᠦᠷᠦᠭ ᠤᠨ ᠪᠦᠲᠦᠭᠡᠨ ᠪᠠᠶᠢᠭᠤᠯᠣᠯᠲᠠ ᠶᠢ ᠰᠠᠶᠢᠳᠤᠷ ᠠᠳᠬᠤᠵᠤ᠂ 1 | ᠲᠦᠮᠡᠨ ᠲᠣᠯᠣᠭᠠᠢ ᠠᠴᠠ ᠳᠡᠭᠡᠭᠰᠢ ᠦᠬᠡᠷ ᠤᠨ ᠡᠭᠦᠯᠳᠡᠷ ᠰᠠᠶᠢᠵᠢᠷᠠᠭᠤᠯᠬᠤ ᠶᠢ ᠪᠡᠶᠡᠯᠡᠭᠦᠯᠵᠦ᠂ ᠰᠢᠯᠢᠳᠡᠭ ᠴᠢᠨᠠᠷ | ᠤᠨ ᠮᠢᠬᠠᠨ ᠤ ᠦᠬᠡᠷ ᠢ ᠠᠷᠠᠴᠢᠯᠠᠨ ᠮᠠᠯᠵᠢᠵᠣ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠣᠨ᠎ᠠ᠃ | ᠬᠤᠲᠠ ᠪᠠᠯᠭᠠᠰᠤᠨ ᠤ ᠤᠶᠢᠷ᠎ᠠ ᠬᠠᠪᠢ ᠳᠠᠬᠢ ᠰᠠᠭᠠᠯᠢ ᠶᠢᠨ ᠦᠨᠢᠶ᠎ᠡ ᠠᠷᠠᠴᠢᠯᠠᠨ ᠮᠠᠯᠵᠢᠬᠤ ᠲᠤᠭᠤᠷᠢᠭ ᠲᠤ ᠳᠡᠰ | ᠳᠡᠪᠰᠢᠭᠦᠯᠦᠨ ᠦᠭᠡᠷᠡᠴᠢᠯᠡᠬᠦ ᠶᠢ ᠰᠠᠶᠢᠳᠤᠷ ᠠᠳᠬᠤᠵᠤ᠂ ᠰᠠᠭᠠᠯᠢ ᠶᠢᠨ ᠦᠨᠢᠶ᠎ᠡ ᠶᠢ 3000 ᠤᠷᠴᠢᠮ ᠳᠤ | ᠲᠤᠭᠲᠠᠪᠤᠷᠢᠵᠢᠭᠤᠯᠤᠨ᠎ᠠ᠃ | ᠮᠠᠯ ᠠᠵᠤ ᠠᠬᠤᠢ ᠶᠢᠨ ᠤᠶᠢᠯᠡᠳᠪᠤᠷᠢᠯᠠᠯ ᠡᠵᠡᠩᠨᠡᠯᠲᠠ ᠶᠢᠨ ᠬᠡᠯᠪᠡᠷᠢ ᠶᠢ ᠬᠤᠪᠢᠷᠠᠭᠤᠯᠤᠨ᠎ᠠ᠃ ᠤᠯᠤᠰ ᠤᠨ | ᠰᠢᠨ᠎ᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠵᠤ ᠨᠦᠬᠦᠪᠦᠷᠢᠯᠡᠬᠦ ᠲᠦᠷᠣ ᠶᠢᠨ ᠪᠤᠲᠤᠯᠭ᠎ᠠ ᠶᠢ | ᠬᠡᠷᠡᠭᠵᠢᠭᠦᠯᠬᠦ ᠲᠠᠢ ᠤᠶᠠᠯᠲᠤᠭᠤᠯᠤᠨ᠂ ᠪᠡᠯᠴᠢᠬᠡᠷᠯᠡᠬᠦᠯᠬᠦ ᠶᠢᠨ ᠳᠠᠭᠠᠤ ᠪᠤᠷᠲᠤᠭ᠎ᠠ ᠨᠦᠬᠦᠪᠤᠷᠢᠯᠡᠬᠦ᠂ ᠤᠷᠢᠳᠴᠢᠯᠠᠨ | ᠵᠠᠷᠤᠴᠠᠭᠤᠯᠬᠤ ᠲᠤᠷᠰᠢᠯᠲᠠ ᠶᠢᠨ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠤ᠂ ︽ᠬᠡᠪᠴᠢᠶᠡᠵᠢᠬᠦᠯᠤᠨ ᠠᠷᠠᠴᠢᠯᠠᠨ | ᠮᠠᠯᠵᠢᠬᠤ᠂ ᠵᠤᠬᠢᠶᠠᠨ ᠪᠠᠶᠢᠭᠤᠯᠤᠨ ᠠᠬᠢᠭᠤᠯᠬᠤ᠂ ᠪᠠᠷᠢᠮᠵᠢᠶᠡᠵᠢᠭᠤᠯᠤᠨ ᠤᠶᠢᠯᠡᠳᠪᠤᠷᠢᠯᠡᠬᠦ︾ ᠱᠠᠭᠠᠷᠲᠠᠯᠭ᠎ᠠ | ᠶᠤᠰᠤᠭᠠᠷ᠂ ᠪᠤᠬᠢᠷᠳᠤᠯ ᠦᠭᠡᠢ ᠵᠠᠬᠢᠶᠠᠯᠭ᠎ᠠ ᠶᠢᠨ ᠮᠠᠯ ᠠᠵᠤ ᠠᠬᠤᠢ ᠶᠢ ᠬᠦᠭᠵᠢᠬᠦᠯᠵᠤ᠂ ᠲᠦᠷᠪᠠᠨ ᠤᠯᠠᠷᠢᠯ ᠳᠤ | ᠮᠠᠯ ᠢᠶᠠᠨ ᠵᠠᠷᠤᠴᠠᠭᠤᠯᠬᠤ ᠶᠢ ᠠᠭᠠᠵᠢᠮ ᠢᠶᠠᠷ ᠪᠡᠶᠡᠯᠡᠬᠦᠯᠤᠨ᠎ᠠ᠃ ᠨᠢᠬᠡᠨᠲᠠ ᠪᠡᠶᠡᠯᠡᠬᠦᠯᠦᠭᠰᠡᠨ ᠨᠣᠲᠤᠭ ᠪᠡᠯᠴᠢᠭᠡᠷ ᠤᠨ | ᠡᠵᠡᠩᠨᠡᠯᠲᠡ ᠶᠢᠨ ᠡᠷᠬᠡ ᠶᠢ ᠳᠣᠳᠣᠷᠬᠠᠶᠢᠯᠠᠨ ᠳᠠᠩᠰᠠᠯᠠᠬᠤ ᠠᠵᠢᠯ ᠤᠨ ᠰᠠᠭᠤᠷᠢᠨ ᠲᠡᠬᠡᠷ᠎ᠠ᠂ ᠮᠠᠨ ᠤ ᠬᠤᠰᠢᠭᠤᠨ ᠤ | ᠨᠤᠲᠤᠭ ᠪᠠᠯᠴᠢᠬᠡᠷ ᠤᠨ ᠡᠵᠡᠩᠨᠡᠯᠳᠡ ᠶᠢᠨ ᠡᠷᠭᠡ ᠶᠢ ᠰᠢᠯᠵᠢᠭᠦᠯᠬᠦ ᠠᠷᠭ᠎ᠠ ᠶᠢ ᠲᠠᠷᠤᠢ ᠲᠦᠷᠭᠡᠨ ᠲᠡᠬᠦᠯᠲᠡᠷᠵᠢᠬᠦᠯᠵᠤ᠂ | ᠪᠤᠲᠠᠲᠠᠢ ᠲᠠᠢ ᠪᠠᠨ ᠤᠶᠠᠯᠲᠤᠭᠤᠯᠤᠨ ᠨᠤᠳᠤᠭ ᠪᠡᠯᠴᠢᠭᠡᠷ ᠢ ᠢᠯᠨ ᠪᠠᠷ ᠰᠢᠯᠵᠢᠭᠦᠯᠬᠦ ᠳᠡᠪᠴᠠᠩ ᠤᠨ ᠪᠠᠶᠢᠭᠤᠯᠤᠯᠲᠠ | ᠶᠢ ᠰᠠᠶᠢᠳᠤᠷ ᠠᠳᠬᠤᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠬᠠᠮᠢᠶᠠᠷᠤᠯᠲᠠ ᠶᠢᠨ | ᠲᠤᠤᠷ ᠰᠦᠯᠵᠢᠶ᠎ᠡ ᠶᠢ ᠳᠠᠷᠤᠶᠢᠬᠠᠨ ᠪᠠᠶᠢᠭᠤᠯᠤᠨ᠂ ᠨᠤᠳᠤᠭ ᠪᠡᠯᠴᠢᠭᠡᠷ ᠢ ᠮᠠᠯᠵᠢᠯ ᠤᠨ ᠳᠤᠰᠬᠠᠢ ᠡᠷᠦᠬᠡ᠂ ᠭᠡᠷ | ᠪᠦᠯᠢ ᠶᠢᠨ ᠮᠠᠯᠵᠢᠯ ᠤᠨ ᠳᠠᠯᠠᠪᠠᠢ᠂ ᠳᠤᠰᠬᠠᠢ ᠬᠤᠷᠰᠢᠶᠠᠵᠢᠯ ᠳᠡᠰᠢ ᠰᠢᠯᠵᠢᠭᠦᠯᠬᠦ ᠶᠢ ᠢᠳᠡᠪᠬᠢᠲᠠᠢ ᠵᠢᠯᠤᠭᠤᠳᠤᠨ | ᠳᠠᠭᠠᠭᠤᠯᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠵᠤᠬᠢᠬᠤ ᠬᠡᠪᠴᠢᠶᠡᠵᠢᠭᠰᠡᠨ ᠡᠵᠡᠩᠨᠡᠯᠲᠡ ᠶᠢ ᠳᠡᠳᠬᠦᠨ | ᠬᠦᠭᠵᠢᠭᠦᠯᠦᠨ᠎ᠡ᠃ ᠮᠠᠯᠵᠢᠬᠤ ᠤᠷᠤᠨ ᠤ ᠠᠵᠢᠯ ᠲᠦᠷᠦᠯ ᠤᠨ ᠡᠵᠡᠩᠨᠡᠨ ᠬᠠᠮᠢᠶᠠᠷᠤᠭᠴᠢ ᠶᠢᠨ ᠡᠩᠨᠡᠭᠡᠨ ᠤ | ᠪᠠᠶᠢᠭᠤᠯᠤᠯᠲᠠ᠂ ᠬᠤᠷᠰᠢᠶᠠᠵᠢᠯ ᠢ ᠲᠦᠷᠢᠮᠵᠢᠬᠦᠯᠤᠨ ᠳᠠᠭᠠᠭᠤᠯᠬᠤ ᠠᠵᠢᠯ ᠢ ᠰᠠᠶᠢᠳᠤᠷ ᠬᠢᠨ᠎ᠡ᠃ ᠪᠤᠳᠠᠳᠤ | ᠪᠠᠷᠢᠮᠵᠢᠶ᠎ᠠ ᠶᠢ ᠲᠤᠭᠳᠠᠭᠠᠨ᠂ 100 ᠭᠡᠷ ᠪᠦᠯᠢ ᠶᠢᠨ ᠮᠠᠯᠵᠢᠯ ᠤᠨ ᠳᠠᠯᠠᠪᠠᠢ ᠪᠠ 60 ᠵᠢᠱᠢᠶ᠎ᠡ ᠦᠵᠡᠭᠦᠯᠬᠦ | ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠨ᠎ᠠ᠃ | ᠮᠠᠯ ᠠᠵᠦ ᠠᠬᠤᠢ ᠶᠢᠨ ᠠᠵᠦ ᠦᠢᠯᠡᠰᠵᠢᠯᠲᠡ ᠶᠢᠨ ᠠᠬᠢᠴᠠ ᠶᠢ ᠲᠦᠯᠬᠢᠨ ᠠᠬᠢᠭᠤᠯᠣᠨ᠎ᠠ᠃ ᠠᠷᠠᠯᠵᠢᠶᠠᠴᠢᠨ | ᠤᠷᠢᠵᠤ ᠪᠡᠯᠡ ᠲᠠᠲᠠᠬᠤ ᠬᠦᠴᠤᠯᠠᠴᠨ ᠪᠠᠨ ᠴᠢᠩᠭᠠᠳᠬᠠᠨ᠂ 1—2 ᠮᠠᠯ ᠤᠨ ᠠᠰᠢᠭ ᠰᠢᠮ᠎ᠠ ᠶᠢ ᠡᠳ᠋ᠰᠢᠬᠦᠯᠤᠨ | ᠪᠤᠯᠪᠠᠰᠤᠷᠠᠭᠤᠯᠬᠤ ᠲᠤᠯᠤᠭᠠᠶᠢᠯᠠᠭᠴᠢ ᠠᠵᠤ ᠠᠬᠤᠶᠢᠯᠠᠯ ᠢ ᠤᠷᠢᠨ ᠤᠷᠤᠭᠤᠯᠵᠤ᠂ ᠬᠦᠨ ᠨᠠᠷᠢᠯᠢᠭ ᠡᠳ᠋ᠰᠢᠬᠦᠯᠬᠦ | ᠴᠢᠲᠠᠪᠤᠷᠢ ᠶᠢ ᠲᠡᠬᠡᠭᠰᠢᠯᠡᠬᠦᠯᠤᠨ᠂ ᠠᠵᠤ ᠠᠬᠤᠶᠢᠯᠠᠯ ᠤᠨ ᠮᠠᠯᠴᠢᠳ ᠲᠠᠢ ᠠᠰᠢᠭ ᠲᠣᠰᠠ ᠪᠠᠷ ᠢᠶᠠᠨ ᠬᠤᠯᠪᠣᠭᠠᠯᠠᠬᠤ | ᠲᠤᠭᠲᠠᠴᠠ ᠶᠢ ᠪᠠᠶᠢᠭᠤᠯᠦᠨ ᠲᠡᠬᠦᠯᠲᠡᠷᠵᠢᠬᠦᠯᠤᠨ᠎ᠠ᠃ ᠮᠠᠯᠵᠢᠬᠤ ᠤᠷᠤᠨ ᠤ ᠵᠢᠵᠢᠭ ᠬᠡᠯᠪᠡᠷᠢ ᠶᠢᠨ ᠬᠦᠢᠲᠠᠨ | ᠬᠦᠮᠤᠷᠬᠡ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠡᠬᠢᠯᠡᠬᠦᠯᠵᠤ᠂ ᠲᠤᠰᠬᠠᠢ | ᠪᠤᠷᠤᠯᠠᠭᠤᠯᠤᠯᠲᠠ ᠶᠢᠨ ᠡᠩᠨᠡᠭᠡ ᠶᠢ ᠪᠠᠶᠢᠭᠤᠯᠤᠨ᠂ ᠰᠢᠨ᠎ᠠ ᠪᠤᠷᠤᠯᠠᠭᠤᠯᠤᠯᠲᠠ ᠶᠢᠨ ᠵᠠᠬ᠎ᠠ ᠲᠡᠯᠬᠡᠬᠦᠷ ᠢ ᠨᠡᠬᠡᠬᠡᠵᠤ᠂ | ᠪᠦᠬᠦ ᠠᠶᠢᠮᠠᠭ ᠤᠨ ᠲᠤᠭ᠎ᠠ ᠪᠠᠷᠢᠮᠳᠠ ᠶᠢ ᠲᠦᠪᠯᠡᠷᠡᠭᠦᠯᠦᠨ ᠬᠠᠮᠢᠶᠠᠷᠬᠤ ᠠᠵᠤ ᠦᠢᠯᠡᠰ ᠤᠨ ᠬᠦᠭᠵᠢᠯᠲᠡ ᠳᠤ | ᠲᠦᠰᠢᠭᠯᠡᠠ᠂ ᠪᠠᠶᠢᠭᠠᠯᠢᠯᠢᠭ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ ᠡᠯᠧᠺᠲᠷᠤᠨ ᠬᠤᠲᠠᠯᠲᠤᠭᠠᠨ ᠤ | ᠲᠠᠪᠴᠠᠩ ᠢ ᠪᠠᠶᠢᠭᠤᠯᠤᠨ᠎ᠠ᠃ | ᠮᠠᠯ ᠠᠵᠦ ᠠᠬᠤᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠪᠠᠳᠤᠳᠬᠠᠨ᠎ᠠ᠃ ︽ | ᠠᠷᠪᠠ ᠶᠢ ᠪᠦᠷᠬᠦᠭᠦᠯᠬᠦ︾ ᠢᠨᠵᠧᠨᠧᠷᠢᠩ ᠲᠠᠢ ᠤᠶᠠᠯᠲᠤᠭᠤᠯᠤᠨ᠂ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠩ ᠤᠨ | ᠮᠠᠰᠢᠨ ᠬᠤᠳᠠᠯᠳᠣᠨ ᠠᠪᠬᠤ ᠨᠦᠬᠦᠪᠦᠷᠢ ᠵᠡᠷᠬᠡ ᠲᠦᠷᠤᠯ ᠵᠤᠶᠢᠯ ᠢ ᠨᠢᠬᠡᠲᠤᠯᠲᠠᠢ ᠲᠦᠯᠤᠪᠵᠢᠬᠦᠯᠤᠨ ᠨᠢᠬᠡᠳᠬᠡᠵᠤ᠂ | ᠰᠠᠭᠤᠷᠢ ᠲᠦᠬᠦᠬᠡᠷᠤᠮᠵᠢ ᠶᠢᠨ ᠪᠦᠲᠤᠬᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠨ᠂ 4.36 | ᠲᠦᠮᠠᠨᠲ᠋ᠡᠭᠰᠢ ᠳᠦᠷᠪᠡᠯᠵᠢᠨ ᠮᠧᠲᠷ ᠪᠠᠷᠢᠮᠵᠢᠶᠠᠵᠢᠭᠰᠠᠨ ᠲᠤᠯᠠᠭᠠᠨ ᠫᠧᠩ᠂ 4000 ᠲᠡᠭᠰᠢ ᠳᠦᠷᠪᠡᠯᠵᠢᠨ ᠮᠧᠲᠷ | ᠡᠪᠡᠰᠦ ᠨᠦᠭᠡᠴᠡᠯᠡᠬᠦ ᠫᠧᠩ᠂ 5 ᠲᠦᠮᠠᠨ ᠮᠤ᠋ ᠨᠤᠳᠤᠭ ᠪᠡᠯᠴᠢᠭᠡᠷ ᠢ ᠬᠦᠷᠢᠶᠡᠯᠡᠨ ᠪᠢᠳᠡᠭᠦᠮᠵᠢᠯᠡᠵᠤ᠂ 1.5 ᠲᠦᠮᠡᠨ | ᠮᠦ ᠲᠠᠷᠢᠮᠠᠯ ᠡᠪᠡᠰᠣᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠤᠨ ᠰᠢᠨ᠎ᠡ ᠡᠭᠡᠯᠵᠢ ᠶᠢᠨ ᠲᠠᠯ᠎ᠠ ᠨᠤᠳᠤᠭ | ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠤ ᠨᠦᠬᠦᠪᠤᠷᠢᠯᠡᠵᠤ ᠲᠦᠷᠤ ᠶᠢᠨ ᠪᠤᠲᠤᠯᠭ᠎ᠠ ᠲᠠᠢ | ᠤᠶᠠᠯᠲᠤᠭᠤᠯᠤᠨ᠂ 60 ᠲᠦᠮᠠᠨ ᠮᠤ᠋ ᠬᠠᠳᠤᠯᠠᠩ ᠤᠨ ᠳᠠᠯᠠᠪᠠᠢ ᠪᠠᠶᠢᠭᠤᠯᠬᠤ ᠬᠠᠷᠠᠯᠲᠠ ᠶᠤᠰᠤᠭᠠᠷ᠂ ᠮᠢᠩᠭᠠᠨ ᠮᠤ᠋ | ᠠᠴᠠ ᠳᠡᠭᠡᠭᠰᠢ ᠲᠦᠪᠯᠡᠷᠡᠨ ᠵᠠᠯᠭᠠᠯᠳᠤᠭᠰᠠᠨ ᠬᠠᠳᠤᠯᠠᠩ ᠤᠨ ᠳᠠᠯᠠᠪᠠᠢ ᠪᠠᠶᠢᠭᠤᠯᠬᠤ ᠠᠵᠢᠯ ᠢ ᠡᠬᠢᠯᠡᠭᠦᠯᠵᠤ᠂ ᠤᠲᠤ | ᠪᠠᠶᠢᠭ᠎ᠠ ᠦᠨᠲᠤᠷ ᠤᠨᠠᠯᠲᠠᠲᠦ ᠡᠪᠡᠰᠤ ᠪᠤᠷᠲᠤᠭᠠᠨ ᠤ ᠰᠠᠭᠤᠷᠢᠨ ᠭᠠᠵᠠᠷ ᠢ ᠬᠦᠢᠴᠡᠳ ᠠᠰᠢᠭᠯᠠᠨ᠂ ᠡᠪᠡᠰᠤᠨ ᠤ | ᠦᠢᠯᠡᠰ ᠤᠨ ᠵᠠᠬ᠎ᠠ ᠳᠡᠯᠭᠡᠭᠦᠷ ᠢ ᠲᠦᠷᠢᠮᠵᠢᠭᠦᠯᠦᠨ ᠳᠡᠰ ᠳᠡᠪᠰᠢᠭᠦᠯᠵᠤ᠂ ᠭᠠᠮᠰᠢᠭ ᠢ ᠡᠰᠡᠷᠭᠦᠴᠡᠬᠦ ᠴᠢᠳᠠᠪᠦᠷᠢ ᠶᠢ | ᠳᠡᠭᠡᠭᠰᠢᠯᠡᠭᠦᠯᠦᠨ᠎ᠡ᠃ | ᠮᠠᠯᠴᠢᠳ ᠤᠨ ᠤᠷᠤᠯᠭ᠎ᠠ ᠶᠢ ᠴᠢᠷᠮᠠᠶᠢᠨ ᠨᠡᠮᠡᠭᠳᠡᠭᠦᠯᠦᠨ᠎ᠡ᠃ ᠮᠠᠯ ᠠᠵᠤ ᠠᠬᠤᠢ ᠶᠢᠨ ᠤᠷᠤᠯᠭ᠎ᠠ ᠪᠠᠨ | ᠨᠡᠮᠡᠭᠳᠡᠭᠦᠯᠬᠦ ᠳᠤᠳᠤᠭᠠᠳᠤ ᠳᠠᠯᠲᠠ ᠬᠦᠴᠦᠨ ᠢ ᠢᠯᠡᠷᠡᠭᠦᠯᠬᠦ ᠶᠢᠨ ᠵᠡᠷᠭᠡᠪᠡᠷ᠂ ᠤᠷᠤᠯᠭ᠎ᠠ ᠶᠢ ᠨᠡᠮᠡᠭᠳᠡᠭᠦᠯᠬᠦ ᠭᠠᠳᠠᠭᠠᠳᠤ | ᠤᠷᠤᠨ ᠵᠠᠢ ᠶᠢ ᠢᠳᠡᠪᠬᠢᠲᠠᠢ ᠦᠷᠭᠡᠳᠬᠡᠵᠤ᠂ ᠡᠵᠡᠩᠨᠡᠯᠲᠡ ᠶᠢᠨ ᠴᠢᠨᠠᠷᠲᠠᠢ᠂ ᠲᠦᠷᠦ ᠶᠢᠨ ᠪᠤᠳᠤᠯᠭ᠎ᠠ ᠶᠢᠨ | ᠴᠢᠨᠠᠷᠲᠠᠢ᠂ ᠴᠠᠯᠢᠩ ᠤᠨ ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃ ᠤᠯᠤᠰ᠂ ᠦᠪᠡᠷᠳᠡᠭᠡᠨ ᠵᠠᠰᠠᠬᠤ ᠤᠷᠤᠨ | ᠠᠴᠠ ᠳᠤᠭᠳᠠᠭᠠᠭᠰᠠᠨ ᠮᠠᠯᠵᠢᠯ ᠳᠤ ᠬᠠᠮᠢᠶᠠᠲᠠᠢ᠂ ᠮᠠᠯᠴᠢᠳ ᠲᠤ ᠠᠰᠢᠭᠲᠠᠢ ᠲᠦᠷᠦ ᠶᠢᠨ ᠪᠤᠳᠤᠯᠭ᠎ᠠ ᠶᠢ ᠨᠠᠷᠢᠨ | ᠬᠢᠨᠠᠮᠠᠭᠠᠢ ᠳᠤᠤᠱᠯᠠᠭᠤᠯᠵᠤ᠂ ᠡᠯ᠎ᠡ ᠲᠦᠷᠦᠯ ᠤᠨ ᠨᠦᠬᠦᠪᠦᠷᠢ ᠶᠢᠨ ᠮᠦᠩᠭᠦ ᠶᠢ ᠴᠠᠭ ᠲᠤᠬᠠᠢ ᠳᠤᠨᠢ ᠲᠤᠭ᠎ᠠ | ᠶᠤᠰᠤᠭᠠᠷ ᠤᠯᠭᠤᠨ᠎ᠠ᠃ ᠠᠵᠤ ᠦᠢᠯᠡᠰᠵᠢᠭᠰᠡᠨ ᠡᠵᠡᠩᠨᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠠᠵᠤ | ᠠᠬᠤᠶᠢᠯᠠᠯ ᠪᠠ ᠮᠠᠯᠴᠢᠳ ᠤᠨ ᠠᠰᠢᠭ ᠲᠤᠰᠨ ᠪᠠᠨ ᠬᠠᠮᠳᠤᠪᠠᠷ ᠡᠳ᠋ᠯᠡᠬᠦ ᠲᠤᠭᠳᠠᠴᠠ ᠶᠢ ᠤᠯᠠᠮ ᠳᠡᠭᠦᠯᠳᠡᠷᠵᠢᠭᠦᠯᠦᠨ᠎ᠡ | ᠃ | ︵ᠬᠤᠶᠠᠷ︶ ᠠᠵᠤ ᠤᠶᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠱᠠᠭᠠᠷᠲᠠᠯᠭ᠎ᠠ ᠪᠠᠷ᠂ | ᠰᠢᠨ᠎ᠠ ᠬᠡᠯᠪᠡᠷᠢ ᠶᠢᠨ ᠠᠵᠤ ᠤᠶᠢᠯᠡᠳᠪᠤᠷᠢᠵᠢᠯᠲᠠ ᠶᠢᠨ ᠬᠦᠭᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠦᠬᠡᠢ | ᠲᠡᠬᠡᠭᠰᠢᠯᠡᠬᠦᠯᠤᠨ᠎ᠠ᠃ | ᠳᠠᠪᠠᠭᠤᠯᠢᠭ ᠤᠨᠴᠠᠯᠢᠭᠲᠤ ᠠᠵᠤ ᠦᠢᠯᠡᠰ ᠢ ᠶᠡᠬᠡᠪᠡᠷ ᠪᠤᠶᠢᠵᠢᠭᠤᠯᠤᠨ᠎ᠠ᠃ ᠴᠢᠯᠠᠭᠤᠨ ᠮᠠᠲ᠋ᠧᠷᠢᠶᠠᠯ ᠤᠨ ᠠᠵᠤ | ᠦᠢᠯᠡᠰ ᠤᠨ ᠲᠠᠯ᠎ᠠ ᠪᠠᠷ᠂ ᠤᠮᠠᠷᠠᠲᠤ ᠶᠢᠨ ᠴᠢᠯᠠᠭᠤᠨ ᠮᠠᠲ᠋ᠧᠷᠢᠶᠡᠯ ᠤᠨ ᠨᠡᠷ᠎ᠡ ᠳᠡᠮᠳᠡᠭ ᠢ ᠪᠦᠬᠦ ᠬᠦᠴᠦᠨ ᠢᠶᠠᠷ | ᠡᠭᠦᠳᠤᠨ᠎ᠠ᠃ ᠦᠷᠭᠡᠳᠬᠡᠨ ᠪᠠᠶᠢᠭᠤᠯᠬᠤ 2 ᠲᠦᠷᠦᠯ ᠵᠦᠢᠯ ᠢ ᠲᠤᠭᠲᠠᠭᠰᠠᠨ ᠴᠠᠭ ᠲᠤ ᠠᠰᠢᠭᠯᠠᠯᠲᠠ ᠳᠤ | ᠤᠷᠤᠭᠤᠯᠬᠤ ᠶᠢ ᠪᠠᠳᠤᠯᠠᠨ᠂ ᠴᠢᠯᠠᠭᠤᠨ ᠮᠠᠲ᠋ᠧᠷᠢᠶᠠᠯ ᠤᠨ ᠰᠤᠶᠤᠯ ᠤᠨ ᠮᠦᠸᠧᠽᠢ ᠶᠢ ᠪᠠᠶᠢᠭᠤᠯᠬᠤ ᠪᠠᠷ | ᠳᠦᠰᠤᠪᠯᠡᠵᠤ᠂ ᠴᠢᠯᠠᠭᠤᠨ ᠮᠠᠲ᠋ᠧᠷᠢᠶᠠᠯ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠲᠦᠪ ᠢ ᠲᠡᠰ ᠲᠡᠪᠰᠢᠬᠦᠯᠤᠨ | ᠪᠠᠶᠢᠭᠤᠯᠬᠤ ᠠᠵᠢᠯ ᠢ ᠬᠦᠢᠴᠡᠳᠭᠡᠵᠤ᠂ ᠤᠯᠠᠨ ᠤᠯᠤᠰ ᠤᠨ ᠴᠢᠯᠠᠭᠤᠨ ᠮᠠᠲ᠋ᠧᠷᠢᠶᠠᠯ ᠤᠨ ᠲᠡᠯᠬᠡᠨ ᠦᠵᠡᠬᠦᠯᠤᠯᠬᠡ ᠶᠢ | ᠳᠠᠭᠠᠭᠠᠴᠢᠯᠠᠨ ᠡᠷᠬᠢᠯᠡᠨ᠎ᠡ︔ ᠦᠢᠯᠡᠳᠪᠦᠷᠢᠯᠡᠯ ᠤᠨ ᠮᠡᠷᠭᠡᠵᠢᠯ ᠢ ᠳᠠᠳᠠᠨ ᠤᠷᠤᠭᠤᠯᠬᠤ ᠪᠠ ᠰᠢᠨᠡᠴᠢᠯᠡᠵᠤ᠂ ᠠᠵᠣ | ᠦᠢᠯᠡᠰ ᠤᠨ ᠬᠤᠯᠪᠣᠭᠠᠰᠣ ᠶᠢ ᠤᠷᠳᠤᠳᠬᠠᠨ᠂ ᠪᠦᠬᠦ ᠵᠢᠯ ᠳᠤ 150 ᠲᠦᠮᠡᠨ ᠪᠤᠰᠤᠭ᠎ᠠ ᠲᠦᠷᠪᠡᠯᠵᠢᠨ ᠮᠧᠲᠷ | ᠲᠦᠭᠦᠬᠡᠢ ᠴᠢᠯᠠᠭᠤᠨ ᠮᠠᠲ᠋ᠧᠷᠢᠶᠠᠯ ᠢ ᠮᠠᠯᠳᠠᠵᠤ᠂ 4500 ᠲᠦᠮᠡᠨ ᠲᠡᠭᠰᠢ ᠲᠦᠷᠪᠡᠯᠵᠢᠨ ᠮᠧᠲᠷ ᠬᠠᠪᠳᠠᠭᠠᠢ | ᠮᠠᠲ᠋ᠧᠷᠢᠶᠠᠯ ᠢ ᠦᠢᠯᠡᠳᠪᠦᠷᠢᠯᠡᠨ᠂ ᠴᠢᠯᠠᠭᠤᠨ ᠮᠠᠲ᠋ᠧᠷᠢᠶᠠᠯ ᠤᠨ ᠨᠡᠶᠢᠬᠡᠮᠯᠢᠭ ᠢ ᠵᠤᠬᠢᠶᠠᠨ ᠪᠠᠶᠢᠭᠤᠯᠤᠨ ᠵᠢᠯᠤᠭᠤᠳᠴᠤ᠂ | ᠤᠶᠢᠯᠡᠲᠤᠯ ᠢ ᠨᠢ ᠪᠠᠳᠠᠷᠠᠭᠤᠯᠤᠨ᠂ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠲᠠᠢ ᠬᠠᠮᠵᠢᠯᠴᠠᠨ ᠦᠨ᠎ᠠ | ᠲᠤᠭᠳᠠᠭᠠᠬᠤ ᠲᠤᠭᠲᠠᠴᠠ ᠶᠢ ᠪᠠᠶᠢᠭᠤᠯᠤᠨ᠂ ᠵᠠᠬ᠎ᠠ ᠲᠡᠯᠬᠡᠬᠦᠷ ᠢ ᠬᠠᠮᠳᠤ ᠪᠠᠷ ᠨᠡᠬᠡᠬᠡᠨ᠂ ᠲᠦᠭᠰᠢᠬᠦᠷᠢ ᠶᠢ | ᠡᠰᠡᠷᠬᠦᠴᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠴᠢᠯᠠᠭᠤᠨ ᠲᠤᠰᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠠᠵᠤ | ᠦᠢᠯᠡᠰ ᠤᠨ ᠲᠠᠯ᠎ᠠ ᠪᠠᠷ᠂ ᠤᠰᠤ ᠤᠷᠤᠭᠤᠯᠤᠨ ᠦᠷᠦᠮᠳᠡᠬᠦ ᠮᠡᠷᠭᠡᠵᠢᠯ ᠢ ᠦᠷᠭᠦᠯᠵᠢᠯᠡᠨ ᠳᠡᠯᠭᠡᠷᠡᠭᠦᠯᠦᠨ᠂ ᠲᠤᠰᠤᠨ | ᠤ ᠲᠤᠭᠳᠠᠭᠤᠨ ᠭᠠᠷᠤᠯᠲᠠ ᠶᠢ ᠪᠠᠳᠤᠯᠠᠵᠤ᠂ ᠤᠩᠭᠤᠨ ᠠᠭᠤᠯᠨ ᠴᠢᠯᠠᠭᠤᠨ ᠲᠤᠰᠤᠨ ᠤ ᠲᠤᠭᠤᠷᠢᠭ ᠤᠨ ᠬᠠᠶᠢᠨ | ᠰᠢᠨᠵᠢᠵᠤ ᠨᠡᠭᠡᠭᠡᠨ ᠠᠰᠢᠭᠯᠠᠬᠤ ᠠᠬᠢᠴᠨ ᠶᠢ ᠲᠦᠷᠭᠡᠳᠬᠡᠨ᠂ ᠪᠦᠬᠦ ᠵᠢᠯ ᠳᠤ 40 ᠴᠢᠯᠠᠭᠤᠨ ᠲᠤᠰᠤᠨ ᠬᠤᠳᠳᠤᠭ | ᠢ ᠬᠠᠶᠢᠨ ᠰᠢᠨᠵᠢᠵᠤ᠂ 4.5 ᠲᠦᠮᠡᠨ ᠲᠤᠨ ᠲᠦᠭᠦᠬᠡᠢ ᠲᠤᠰᠤ ᠦᠢᠯᠡᠳᠪᠦᠷᠢᠯᠡᠵᠤ᠂ ᠪᠠᠶᠢᠭᠠᠯᠢ ᠶᠢᠨ ᠰᠢᠳᠠᠮᠠᠬᠠᠢ | ᠬᠡᠢ ᠶᠢ 500 ᠲᠦᠮᠡᠨ ᠪᠤᠰᠤᠭ᠎ᠠ ᠲᠦᠷᠪᠡᠯᠵᠢᠨ ᠮᠧᠲᠷ ᠬᠤᠷᠢᠶᠠᠨ ᠠᠰᠢᠭᠯᠠᠨ᠎ᠠ᠃ ᠨᠡᠭᠦᠷᠡᠰᠦᠨ ᠤ ᠠᠵᠤ ᠦᠢᠯᠡᠰ | ᠤᠨ ᠲᠠᠯ᠎ᠠ ᠪᠠᠷ᠂ ᠪᠦᠬᠦ ᠵᠢᠯ ᠳᠤ 60 ᠲᠦᠮᠡᠨ ᠲᠤᠨ ᠲᠦᠬᠦᠬᠡᠢ ᠨᠡᠭᠦᠷᠡᠰᠦ ᠮᠠᠯᠲᠠᠬᠤ ᠶᠢ ᠪᠠᠲᠤᠯᠠᠵᠤ᠂ | ᠢᠲᠡᠪᠬᠢᠵᠢᠬᠦᠯᠦᠭᠰᠡᠨ ᠨᠡᠬᠦᠷᠡᠰᠤ᠂ ᠨᠡᠬᠦᠷᠡᠰᠤᠨ ᠴᠢᠯᠠᠭᠤ ᠶᠢ ᠶᠡᠷᠦᠩᠭᠡᠶᠢᠯᠡᠨ ᠠᠰᠢᠭᠯᠠᠵᠤ ᠪᠤᠯᠪᠠᠰᠤᠷᠠᠭᠤᠯᠬᠤ ᠲᠦᠷᠦᠯ | ᠵᠦᠢᠯ ᠢ ᠢᠳᠡᠪᠬᠢᠲᠠᠢ ᠲᠦᠯᠬᠢᠨ ᠠᠬᠢᠭᠤᠯᠤᠨ᠎ᠠ᠃ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠰ ᠤᠨ ᠲᠠᠯ᠎ᠠ ᠪᠠᠷ᠂ | ᠠᠵᠤ ᠤᠶᠢᠯᠡᠰ ᠢ ᠬᠦᠭᠵᠢᠬᠦᠯᠬᠦ ᠲᠦᠷᠤ ᠶᠢᠨ ᠪᠤᠲᠤᠯᠭ᠎ᠠ ᠶᠢᠨ ᠬᠡᠪᠴᠢᠶᠡᠨ ᠲᠤᠲᠤᠷ᠎ᠠ ᠲᠡᠮᠦᠷᠯᠢᠭ ᠪᠤᠯᠪᠠᠰᠤᠷᠠᠭᠤᠯᠬᠤ | ᠠᠵᠤ ᠠᠬᠤᠶᠢᠯᠠᠯ ᠤᠨ ᠬᠡᠪ ᠤᠨ ᠤᠶᠢᠯᠡᠳᠪᠤᠷᠢᠯᠡᠯ ᠢ ᠪᠠᠳᠤᠯᠠᠨ᠂ 1.3 ᠲᠦᠮᠡᠨ ᠲᠣᠨ ᠨᠢᠺᠧᠯ ᠲᠡᠮᠦᠷ᠂ 3200 | ᠲᠤᠨ ᠳᠢᠲ᠋ᠠᠨ ᠤ ᠬᠡᠮᠬᠡᠳᠡᠭ ᠢ ᠦᠢᠯᠡᠳᠪᠦᠷᠢᠯᠡᠨ᠎ᠡ︔ ᠵᠠᠰ ᠤᠨ ᠤᠯᠠᠨ ᠲᠡᠮᠦᠷᠯᠢᠭ ᠤᠨ ᠠᠭᠤᠷᠬᠠᠢ ᠶᠢ ᠨᠡᠭᠡᠭᠡᠨ | ᠰᠤᠩᠭᠤᠬᠤ ᠲᠦᠷᠤᠯ ᠵᠤᠶᠢᠯ ᠤᠨ ᠠᠵᠢᠯ ᠡᠬᠢᠯᠡᠬᠦ ᠶᠢ ᠪᠠᠳᠤᠯᠠᠵᠤ᠂ ᠠᠯᠲᠠ ᠵᠢᠴᠢ ᠠᠯᠲᠠ ᠤᠯᠠᠨ ᠠᠭᠤᠯᠤᠭᠲᠠᠬᠤ | ᠲᠡᠮᠦᠷᠯᠢᠭ ᠤᠨ ᠠᠭᠤᠷᠬᠠᠢ ᠶᠢᠨ ᠲᠦᠷᠤᠯ ᠵᠤᠶᠢᠯ ᠢ ᠲᠤᠬᠠᠢ ᠶᠢᠨ ᠳᠠᠯᠠᠪᠠᠢ ᠳᠤ ᠬᠠᠶᠢᠨ ᠰᠢᠨᠵᠢᠵᠤ᠂ ᠨᠢᠤᠪᠢ ᠲᠠᠨᠲ᠋ᠠᠯ | ᠤᠨ ᠠᠭᠤᠷᠬᠠᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠨ ᠶᠢ ᠲᠦᠷᠭᠡᠳᠬᠡᠨ᠎ᠡ᠃ ᠴᠡᠪᠡᠷ | ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ᠂ ᠤᠨᠴᠠ ᠦᠨᠲᠤᠷ ᠬᠦᠴᠤᠳᠡᠯᠲᠤ ᠨᠠᠷᠠ ᠰᠠᠯᠬᠢᠨ ᠤ ᠡᠬᠢ ᠪᠠᠶᠠᠯᠢᠭ ᠢ | ᠲᠤᠬᠢᠷᠠᠭᠤᠯᠬᠤ ᠲᠦᠷᠤᠯ ᠵᠤᠶᠢᠯ ᠢ ᠲᠠᠷᠤᠢ ᠲᠦᠷᠬᠡᠨ ᠪᠠᠶᠢᠭᠤᠯᠵᠤ᠂ ᠤᠲᠤ ᠪᠠᠶᠢᠭ᠎ᠠ ᠰᠢᠨ᠎ᠡ ᠡᠨᠧᠷᠬᠢ ᠶᠢᠨ ᠠᠵᠤ | ᠠᠬᠤᠶᠢᠯᠡᠯ ᠤᠨ ᠤᠶᠢᠯᠡᠳᠪᠤᠷᠢᠯᠡᠯ ᠢ ᠲᠤᠭᠲᠠᠭᠤᠨ ᠪᠠᠶᠢᠯᠭᠠᠨ᠂ ᠪᠦᠬᠦ ᠵᠢᠯ ᠳᠤ ᠰᠢᠨ᠎ᠡ ᠡᠨᠧᠷᠭᠢ ᠪᠠᠷ ᠴᠠᠬᠢᠯᠭᠠᠨ | ᠭᠠᠷᠭᠠᠬᠤ ᠬᠡᠮᠵᠢᠶ᠎ᠡ ᠶᠢ 3.3 ᠳ᠋ᠦᠩᠰᠢᠭᠤᠷ ᠺᠢᠯᠤᠸᠠᠲ ᠴᠠᠭ ᠲᠤ ᠬᠦᠷᠭᠡᠨ᠎ᠡ᠃ | ᠠᠵᠤ ᠦᠢᠯᠡᠳᠪᠦᠷᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢ ᠲᠤᠪᠤᠶᠢᠮ᠎ᠠ ᠠᠳᠬᠤᠨ᠎ᠠ᠃ | ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ ᠣᠷᠴᠢᠯ ᠠᠵᠤ ᠠᠬᠤᠢ ᠶᠢᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠲᠤᠭᠤᠷᠢᠭ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠤᠰᠤᠭᠠᠷ᠂ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ | ᠪᠦᠷᠢᠨᠰᠢᠬᠦᠯᠤᠨ᠎ᠠ᠃ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠲᠦᠷᠦᠯ ᠵᠦᠢᠯ ᠢ ᠠᠰᠢᠭᠯᠠᠯᠲᠠ ᠳᠤ ᠤᠷᠤᠭᠤᠯᠤᠨ᠂ | ᠪᠤᠵᠠᠷ ᠤᠰᠤ ᠶᠢ ᠳᠠᠬᠢᠨᠲᠠ ᠴᠡᠪᠡᠷᠰᠢᠭᠦᠯᠦᠨ ᠬᠠᠩᠭᠠᠬᠤ ᠬᠤᠭᠤᠯᠠᠢ ᠶᠢᠨ ᠲᠤᠤᠷ ᠢ ᠪᠠᠶᠢᠭᠤᠯᠵᠤ᠂ ᠠᠵᠤ | ᠤᠶᠢᠯᠡᠳᠪᠤᠷᠢ ᠶᠢᠨ ᠲᠤᠭᠤᠷᠢᠭ ᠤᠨ ᠴᠠᠬᠢᠯᠭᠠᠨ᠂ ᠲᠤᠯᠠᠭᠠᠯᠭ᠎ᠠ᠂ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠨ᠎ᠠ᠃ | ᠭᠠᠵᠠᠷ ᠰᠢᠷᠤᠢ ᠶᠢᠨ ᠬᠡᠷᠡᠭᠯᠡᠯᠲᠡ᠂ ᠬᠠᠮᠢᠶᠠᠷᠤᠯᠲᠠ ᠪᠠ ᠬᠤᠷᠢᠶᠠᠨ ᠨᠦᠭᠡᠴᠡᠯᠡᠬᠦ ᠠᠵᠢᠯ ᠢ ᠴᠢᠩᠭᠠᠳᠬᠠᠵᠤ᠂ ᠰᠢᠨ᠎ᠡ | ᠪᠠᠷ ᠪᠠᠶᠢᠭᠤᠯᠬᠤ ᠲᠦᠷᠦᠯ ᠵᠦᠢᠯ ᠳᠤ ᠭᠠᠵᠠᠷ ᠬᠡᠷᠡᠭᠰᠡᠬᠦ ᠬᠡᠷᠡᠭᠴᠡᠭᠡ ᠶᠢ ᠪᠠᠳᠤᠯᠠᠨ᠎ᠠ᠃ ᠴᠢᠯᠠᠭᠤᠨ ᠳᠤᠰᠤ᠂ | ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠭᠠᠶᠢᠯᠢ ᠰᠤᠶᠢᠳᠬᠡᠯ ᠳᠠᠳᠠᠪᠤᠷᠢᠯᠠᠬᠤ ᠠᠷᠭ᠎ᠠ ᠶᠢ ᠦᠭᠡᠷᠡᠴᠢᠯᠡᠵᠤ᠂ | ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠪᠠ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠡᠯ᠎ᠡ ᠲᠦᠷᠦᠯ ᠤᠨ | ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠡᠷᠡᠭᠦᠯ ᠢᠶᠠᠷ ᠬᠦᠭᠵᠢᠬᠦ | ᠶᠢ ᠠᠬᠢᠭᠤᠯᠤᠨ᠎ᠠ᠃ | ᠠᠷᠠᠯᠵᠢᠶᠠᠴᠢᠨ ᠤᠷᠢᠵᠤ ᠪᠡᠯᠡ ᠲᠠᠳᠠᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ | ᠠᠳᠬᠤᠨ᠎ᠠ᠃ ᠠᠷᠠᠯᠵᠢᠶᠠᠴᠢᠨ ᠤᠷᠢᠬᠤ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ᠂ ᠲᠦᠷᠤᠯ | ᠵᠤᠶᠢᠯ ᠤᠨ ᠬᠦᠮᠤᠷᠬᠡ ᠶᠢ ᠤᠯᠠᠮ ᠲᠡᠬᠦᠯᠲᠡᠷᠵᠢᠬᠦᠯᠤᠨ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠪᠠᠨ ᠰᠢᠨᠡᠴᠢᠯᠡᠨ᠂ | ᠠᠶᠢᠮᠠᠭ ᠤᠨ ᠭᠠᠳᠠᠨᠠᠬᠢ ᠪᠡᠯᠨ ᠮᠦᠩᠭᠦ ᠶᠢ 11 ᠳ᠋ᠦᠩᠰᠢᠭᠤᠷ ᠲᠦᠭᠦᠷᠢᠭ ᠳᠠᠳᠠᠨ ᠤᠷᠤᠭᠤᠯᠬᠤ ᠪᠠᠷ ᠴᠢᠷᠮᠠᠶᠢᠨ᠎ᠠ᠃ | ᠨᠤᠨᠳᠠᠭ ᠨᠡᠭᠦᠷᠡᠰᠤᠨ ᠤ ᠦᠨᠡᠰᠤ᠂ ᠴᠢᠯᠠᠭᠤᠨ ᠮᠠᠲ᠋ᠧᠷᠢᠶᠠᠯ ᠤᠨ ᠦᠭᠡᠳᠡᠰᠤ᠂ ᠴᠢᠯᠠᠭᠤᠨ ᠨᠤᠨᠳᠠᠭ ᠵᠡᠷᠭᠡ ᠠᠵᠤ | ᠦᠢᠯᠡᠳᠪᠦᠷᠢ ᠶᠢᠨ ᠬᠠᠶᠠᠭᠳᠠᠮᠠᠯ ᠮᠠᠲ᠋ᠧᠷᠢᠶᠠᠯ ᠢ ᠪᠤᠯᠪᠠᠰᠤᠷᠠᠭᠤᠯᠤᠨ ᠶᠡᠷᠦᠩᠭᠡᠶᠢᠯᠡᠨ ᠠᠰᠢᠭᠯᠠᠬᠤ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠵᠤᠷᠢᠭᠵᠢᠭᠤᠯᠤᠨ ᠳᠠᠮᠵᠢᠵᠤ᠂ ᠡᠬᠢ ᠪᠠᠶᠠᠯᠢᠭ ᠢ ᠶᠡᠬᠡᠪᠡᠷ ᠨᠡᠭᠡᠭᠡᠨ ᠬᠦᠭᠵᠢᠬᠦᠯᠬᠦ ᠪᠠ | ᠶᠡᠷᠦᠩᠭᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠲᠦᠷᠦᠯ ᠵᠦᠢᠯ ᠤᠨ ᠪᠡᠯᠡᠳᠭᠡᠯ | ᠠᠵᠢᠯ ᠢ ᠰᠠᠶᠢᠳᠤᠷ ᠬᠢᠵᠤ᠂ ᠠᠶᠢᠮᠠᠭ ᠤᠨ ᠱᠠᠲᠤᠨ ᠤ ᠪᠡᠯᠨ ᠨᠡᠶᠢᠯᠡᠭᠦᠯᠬᠦ ᠳᠠᠪᠴᠠᠩ ᠠᠴᠠ ᠪᠠᠶᠢᠭᠤᠯᠤᠭᠰᠠᠨ ︽ | ᠦᠯᠵᠡᠶᠢᠲᠤ ᠲᠠᠯ᠎ᠠ ᠨᠤᠳᠤᠭ︾ ᠠᠵᠤ ᠦᠢᠯᠡᠰ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ | ᠬᠦᠭᠵᠢᠯᠲᠡ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠵᠡᠷᠭᠡ ᠵᠢᠷᠭᠤᠭᠠᠨ ᠰᠠᠭᠤᠷᠢ ᠮᠦᠩᠭᠦ ᠶᠢ ᠲᠡᠮᠡᠴᠡᠨ | ᠤᠯᠵᠤ ᠬᠦᠢᠴᠡᠳ ᠠᠰᠢᠭᠯᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠵᠢᠯ ᠳᠤ 50 | ᠲᠦᠮᠡᠨ ᠲᠦᠭᠦᠷᠢᠭ ᠠᠴᠠ ᠳᠡᠭᠡᠭᠰᠢ 48 ᠭᠤᠤᠯᠳᠠᠯᠭᠠᠲᠤ ᠲᠦᠷᠦᠯ ᠵᠦᠢᠯ ᠤᠨ ᠠᠵᠢᠯ ᠢ ᠰᠡᠷᠭᠦᠭᠡᠨ ᠠᠵᠢᠯ | ᠡᠬᠢᠯᠡᠭᠦᠯᠦᠨ᠎ᠡ᠃ | ︵ᠭᠤᠷᠪᠠ︶ ᠠᠵᠤ ᠦᠢᠯᠡᠰ ᠤᠨ ᠪᠦᠲᠦᠴᠨ ᠶᠢ ᠰᠢᠯᠢᠳᠡᠭᠵᠢᠭᠦᠯᠬᠦ ᠱᠠᠭᠠᠷᠲᠠᠯᠭ᠎ᠠ ᠶᠤᠰᠤᠭᠠᠷ᠂ | ᠤᠶᠢᠯᠡᠴᠢᠯᠡᠬᠡᠨ ᠤ ᠤᠶᠢᠯᠡᠰ ᠢ ᠪᠦᠬᠦᠯᠢ ᠴᠤᠭᠴᠠ ᠪᠠᠷ ᠬᠦᠭᠵᠢᠭᠦᠯᠬᠦ ᠬᠢᠷᠢ ᠲᠦᠪᠰᠢᠨ ᠢ ᠤᠯᠠᠮ ᠲᠡᠬᠡᠭᠰᠢᠯᠡᠬᠦᠯᠤᠨ᠎ᠠ᠃ | | ᠰᠤᠶᠤᠯ ᠵᠢᠭᠤᠯᠴᠢᠯᠠᠯ ᠤᠨ ᠦᠢᠯᠡᠰ ᠢ ᠶᠡᠬᠡᠪᠠᠷ ᠬᠦᠭᠵᠢᠭᠦᠯᠦᠨ᠎ᠡ᠃ ᠪᠦᠬᠦ ᠬᠤᠰᠢᠭᠤᠨ ᠤ ᠰᠤᠶᠤᠯ | ᠵᠢᠭᠤᠯᠴᠢᠯᠠᠯ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠲᠦᠯᠦᠪᠵᠢᠭᠦᠯᠭᠡ ᠵᠢᠴᠢ ᠡᠯ᠎ᠡ ᠦᠵᠡᠮᠵᠢ ᠶᠢᠨ ᠤᠷᠤᠨ | ᠤ ᠨᠠᠷᠢᠨ ᠲᠦᠯᠦᠪᠵᠢᠭᠦᠯᠭᠡ ᠶᠢ ᠨᠠᠶᠢᠷᠠᠭᠤᠯᠤᠨ ᠲᠤᠭᠳᠠᠭᠠᠨ᠎ᠠ᠃ ᠴᠠᠬᠠᠷ ᠰᠤᠶᠤᠯ ᠤᠨ ᠲᠤᠲᠤᠭᠠᠲᠦ ᠠᠭᠤᠯᠬᠤᠨ ᠢ | ᠬᠦᠨᠵᠡᠭᠡᠢ ᠠᠭᠤᠳᠠᠯᠯᠠᠨ᠂ ︽ᠠᠰᠠᠷ︾ ᠠᠶᠠᠯᠭᠤ ᠶᠢᠨ ᠨᠡᠷ᠎ᠡ ᠳᠡᠮᠳᠡᠭ ᠢ ᠪᠦᠬᠦ ᠬᠦᠴᠦᠨ ᠢᠶᠠᠷ ᠡᠭᠦᠳᠴᠤ᠂ | ᠠᠩᠬᠠᠲᠤᠭᠠᠷ ᠬᠤᠭᠤᠴᠠᠭᠠᠨ ᠤ ︽ᠠᠰᠠᠷ︾ ᠠᠶᠠᠯᠭᠤ ᠶᠢᠨ ᠨᠠᠶᠢᠷ ᠢ ᠡᠷᠬᠢᠯᠠᠨ ᠶᠠᠪᠤᠭᠳᠠᠭᠤᠯᠤᠨ᠎ᠠ᠃ ᠬᠠᠶ᠋ᠢᠩᠬᠢᠷᠸ᠎ᠠ | ᠰᠦᠮ᠎ᠡ᠂ ᠬᠤᠩᠭᠤᠷ ᠠᠭᠤᠯᠠ ᠵᠡᠷᠭᠡ ᠵᠢᠭᠤᠯᠴᠢᠯᠠᠯ ᠤᠨ ᠣᠷᠣᠨ ᠤ ᠪᠦᠲᠦᠭᠡᠨ ᠪᠠᠶᠢᠭᠤᠯᠣᠯᠲᠠ ᠶᠢ ᠭᠤᠣᠯᠳᠠᠯᠭ᠎ᠠ | ᠲᠠᠢ ᠠᠳᠬᠤᠵᠤ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠪᠠ ᠲᠦᠷᠢᠮᠵᠢᠭᠰᠡᠨ ᠪᠠᠷᠢᠮᠵᠢᠶ᠎ᠠ ᠭᠠᠷᠭᠠᠵᠤ᠂ 30 | ᠲᠦᠷᠢᠮᠵᠢᠭᠰᠡᠨ ︽ᠮᠠᠯᠴᠢᠨ ᠠᠶᠢᠯ︾ ᠵᠤᠭᠠᠴᠠᠯ ᠤᠨ ᠴᠢᠭ ᠢ ᠪᠠᠶᠢᠭᠤᠯᠤᠨ᠎ᠠ᠃ ᠪᠡᠬᠡᠵᠢᠩ ᠪᠠ ᠬᠦᠬᠡᠬᠤᠲᠠ ᠬᠦᠷᠬᠦ | 2 ᠵᠤᠷᠪᠤᠰ ᠵᠢᠭᠤᠯᠴᠢᠯᠠᠯ ᠤᠨ ᠵᠠᠮ ᠱᠤᠭᠤᠮ ᠤᠨ ᠲᠡᠰ ᠢ ᠪᠠᠲᠤᠳᠬᠠᠨ ᠲᠡᠬᠡᠭᠰᠢᠯᠡᠬᠦᠯᠵᠤ᠂ ᠪᠦᠬᠦ ᠬᠦᠴᠤᠨ ᠢᠶᠠᠷ | ᠵᠢᠭᠤᠯᠴᠢᠯᠠᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠤ᠂ ᠴᠢᠭᠤᠯᠭᠠᠲᠦ ᠬᠠᠭᠠᠯᠭ᠎ᠠ — ᠤᠯᠠᠭᠠᠨᠴᠠᠪ | ᠭᠠᠵᠠᠷ ᠤᠷᠤᠨ ᠤ ᠵᠢᠭᠤᠯᠴᠢᠯᠠᠯ ᠤᠨ ᠵᠠᠬ᠎ᠠ ᠲᠡᠯᠬᠡᠬᠦᠷ ᠲᠤ ᠢᠲᠠᠪᠬᠢᠲᠠᠢ ᠤᠷᠤᠵᠤ᠂ ᠨᠢᠬᠡ ᠪᠦᠯᠦᠭ ᠤᠷᠤᠨ ᠨᠤᠲᠤᠭ | ᠤᠨ ᠰᠤᠶᠤᠯ ᠤᠨ ᠤᠨᠴᠠᠯᠢᠭᠲᠦ ᠵᠢᠭᠤᠯᠴᠢᠯᠠᠯ ᠤᠨ ᠲᠠᠸᠠᠷ ᠢ ᠨᠡᠬᠡᠬᠡᠨ ᠬᠦᠭᠵᠢᠬᠦᠯᠵᠤ᠂ ᠵᠢᠭᠤᠯᠴᠢᠯᠠᠯ ᠤᠨ | ᠤᠶᠢᠯᠡᠴᠢᠯᠡᠬᠡᠨ ᠤ ᠲᠤᠲᠤᠭᠠᠲᠦ ᠠᠭᠤᠯᠬᠤᠨ ᠪᠠ ᠴᠢᠨᠠᠷᠵᠢᠯ ᠢ ᠤᠯᠠᠮ ᠳᠡᠭᠡᠭᠰᠢᠯᠡᠭᠦᠯᠦᠨ᠂ ᠵᠢᠭᠤᠯᠴᠢᠯᠠᠯ ᠤᠨ | ᠦᠢᠯᠡᠰ ᠤᠨ ᠦᠷᠨᠢᠭᠦᠨ ᠬᠦᠭᠵᠢᠯᠲᠡ ᠶᠢ ᠠᠬᠢᠭᠤᠯᠤᠨ᠎ᠠ᠃ | ᠵᠠᠮ ᠬᠠᠷᠢᠯᠴᠠᠭ᠎ᠠ ᠪᠤᠲᠠᠰ ᠤᠨ ᠬᠦᠢᠯᠬᠡᠬᠡᠨ ᠤ ᠤᠶᠢᠯᠡᠰ ᠢ ᠶᠡᠬᠡᠪᠡᠷ ᠬᠦᠭᠵᠢᠬᠦᠯᠤᠨ᠎ᠠ᠃ ᠴᠢᠯᠠᠭᠤᠨ ᠲᠤᠰᠤ᠂ | ᠴᠢᠯᠠᠭᠤᠨ ᠮᠠᠲ᠋ᠧᠷᠢᠶᠠᠯ᠂ ᠨᠡᠬᠦᠷᠡᠰᠤ᠂ ᠮᠠᠯ ᠤᠨ ᠠᠰᠢᠭ ᠰᠢᠮ᠎ᠡ ᠶᠢᠨ ᠪᠦᠲᠤᠬᠡᠭᠲᠡᠬᠦᠨ ᠵᠡᠷᠬᠡ ᠪᠠᠷᠠᠭ᠎ᠠ ᠪᠤᠲᠠᠰ | ᠵᠦᠬᠡᠬᠡᠪᠤᠷᠢᠯᠡᠬᠦ ᠬᠦᠢᠯᠬᠡᠬᠡᠨ ᠤ ᠠᠵᠤ ᠤᠶᠢᠯᠡᠰ ᠢ ᠭᠤᠤᠯᠲᠠᠯᠭ᠎ᠠ ᠲᠠᠢ ᠬᠦᠭᠵᠢᠭᠦᠯᠦᠨ᠂ ᠹᠠᠩ ᠶᠤᠸᠠᠨ ᠪᠤᠲᠠᠰ ᠤᠨ | ᠬᠦᠢᠯᠬᠡᠬᠡᠨ ᠤ ᠲᠤᠭᠤᠷᠢᠭ ᠤᠨ ᠲᠡᠰ ᠲᠡᠪᠰᠢᠬᠦᠯᠤᠨ ᠦᠬᠡᠷᠡᠴᠢᠯᠡᠬᠦ ᠲᠦᠷᠤᠯ ᠵᠤᠶᠢᠯ ᠢᠶᠠᠷ ᠭᠤᠤᠯᠲᠠᠯᠭ᠎ᠠ ᠪᠤᠯᠭᠠᠵᠤ᠂ | ᠵᠠᠮ ᠬᠠᠷᠢᠯᠴᠠᠭ᠎ᠠ ᠵᠦᠬᠡᠬᠡᠪᠤᠷᠢ᠂ ᠪᠠᠷᠠᠭᠠᠨ ᠤ ᠵᠦᠭᠡᠭᠡᠪᠦᠷᠢ ᠶᠢ ᠤᠷᠤᠯᠠᠨ ᠬᠦᠢᠴᠡᠳᠭᠡᠬᠦ ᠵᠡᠷᠬᠡ ᠪᠤᠲᠠᠰ ᠤᠨ | ᠬᠦᠢᠯᠬᠡᠬᠡᠨ ᠤ ᠡᠬᠢ ᠪᠠᠶᠠᠯᠢᠭ ᠢ ᠨᠢᠬᠡᠳᠬᠡᠨ᠂ ᠪᠤᠲᠠᠰ ᠤᠨ ᠬᠦᠢᠯᠬᠡᠬᠡᠨ ᠤ ᠲᠠᠭᠠᠭᠠᠴᠠ ᠶᠢᠨ ᠴᠢᠲᠠᠮᠵᠢ ᠪᠠ | ᠰᠢᠯᠵᠢᠬᠦᠯᠤᠨ ᠵᠦᠬᠡᠬᠡᠪᠤᠷᠢᠯᠡᠬᠦ ᠠᠰᠢᠭ ᠨᠤᠷᠮ᠎ᠠ ᠶᠢ ᠤᠯᠠᠮ ᠨᠢᠬᠡ ᠠᠯᠬᠤᠮ ᠲᠡᠬᠡᠭᠰᠢᠯᠡᠬᠦᠯᠤᠨ᠎ᠠ᠃ ᠪᠤᠳᠠᠰ ᠤᠨ | ᠬᠦᠢᠯᠭᠡᠭᠡᠨ ᠤ ᠲᠤᠬᠢᠷᠠᠭᠤᠯᠤᠨ ᠬᠦᠷᠭᠡᠬᠦ ᠲᠤᠤᠷ ᠰᠦᠯᠵᠢᠶ᠎ᠡ ᠶᠢ ᠳᠠᠰᠤᠷᠠᠯᠲᠠ ᠦᠭᠡᠢ ᠳᠡᠭᠦᠯᠳᠡᠷᠵᠢᠭᠦᠯᠵᠤ᠂ ᠲᠦᠷᠭᠡᠨ | ᠭᠤᠪᠢᠭᠤᠯᠭ᠎ᠠ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ | ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ ᠵᠣᠷᠢᠭᠵᠢᠭᠤᠯᠣᠨ ᠭᠦᠭᠵᠢᠭᠦᠯᠦᠨ᠎ᠡ᠃ ᠴᠢᠯᠠᠭᠤᠨ | ᠮᠠᠲ᠋ᠧᠷᠢᠶᠠᠯ᠂ ᠴᠠᠬᠠᠷ ᠬᠤᠨᠢᠨ ᠤ ᠤᠯᠠᠭᠠᠨ ᠢᠳᠡᠭᠡᠨ ᠤ ᠪᠦᠲᠤᠬᠡᠭᠲᠡᠬᠦᠨ᠂ ᠴᠠᠭᠠᠨ ᠢᠳᠡᠭᠡ ᠪᠠ ᠦᠨᠳᠦᠰᠦᠲᠡᠨ ᠤ | ᠬᠤᠪᠴᠠᠰᠣ ᠵᠠᠰᠠᠯ ᠵᠡᠷᠭᠡ ᠣᠷᠣᠨ ᠨᠣᠲᠤᠭ ᠤᠨ ᠣᠨᠴᠠᠯᠢᠭ ᠢ ᠬᠠᠷᠠᠭᠤᠯᠣᠭᠰᠡᠨ ᠡᠯᠧᠺᠲᠷᠣᠨ ᠬᠤᠳᠠᠯᠳᠤᠭᠠᠨ ᠤ | ᠠᠵᠦ ᠦᠢᠯᠡᠰ ᠢ ᠬᠦᠴᠦᠯᠡᠨ ᠬᠦᠭᠵᠢᠭᠦᠯᠦᠨ᠎ᠡ᠃ ᠨᠠᠰᠤᠵᠢᠯ ᠤᠨ ᠦᠢᠯᠡᠴᠢᠯᠡᠭᠡ᠂ ᠰᠠᠭᠤᠭᠠᠯᠢ ᠠᠷᠠᠳ ᠤᠨ | ᠲᠤᠭᠤᠷᠢᠭ ᠤᠨ ᠠᠳᠠᠯ ᠦᠢᠯᠡᠰ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠦᠢᠯᠡᠴᠢᠯᠡᠭᠡᠨ ᠤ ᠦᠢᠯᠡᠰ ᠢ | ᠢᠳᠡᠪᠬᠢᠲᠠᠢ ᠬᠦᠭᠵᠢᠭᠦᠯᠦᠨ᠎ᠡ᠃ ᠮᠦᠩᠭᠦᠨ ᠭᠦᠢᠯᠭᠡᠭᠡᠨ ᠤ ᠳᠠᠭᠠᠳᠬᠠᠯ᠂ ᠠᠰᠠᠭᠤᠨ ᠯᠠᠪᠯᠠᠬᠤ ᠵᠠᠭᠤᠴᠢ ᠪᠠ ᠶᠠᠰᠣ | ᠴᠢᠨᠠᠷ ᠢ ᠰᠢᠯᠭᠠᠨ ᠪᠠᠶᠢᠴᠠᠭᠠᠬᠤ ᠵᠡᠷᠭᠡ ᠰᠢᠨ᠎ᠡ ᠬᠡᠯᠪᠡᠷᠢ ᠵᠢᠨᠠᠵᠦ ᠦᠢᠯᠡᠰ ᠢ ᠳᠡᠳᠬᠦᠨ ᠬᠦᠭᠵᠢᠭᠦᠯᠦᠨ᠎ᠡ᠃ | ︵ᠲᠦᠷᠪᠡ︶ ᠬᠦᠭᠵᠢᠯᠲᠡ ᠶᠢᠨ ᠲᠤᠲᠠᠭᠲᠠᠯ ᠢᠶᠠᠨ ᠨᠦᠬᠦᠪᠤᠷᠢᠯᠡᠬᠦ ᠱᠠᠭᠠᠷᠲᠠᠯᠭ᠎ᠠ ᠶᠤᠰᠤᠭᠠᠷ᠂ ᠶᠠᠲᠠᠭᠤ ᠠᠴᠠ | ᠠᠩᠬᠢᠵᠢᠷᠡᠭᠤᠯᠤᠨ ᠪᠤᠭᠤᠮᠳᠠ ᠰᠢᠪᠲᠤᠯᠬᠤ ᠪᠠ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠤᠯᠠᠮ ᠴᠢᠨᠠᠭᠰᠢᠳᠠ | ᠰᠠᠶᠢᠳᠤᠷ ᠠᠳᠬᠤᠨ᠎ᠠ᠃ | ᠶᠠᠳᠠᠭᠤ ᠠᠴᠠ ᠠᠩᠬᠢᠵᠢᠷᠡᠭᠤᠯᠤᠨ ᠪᠤᠭᠤᠮᠳᠠ ᠰᠢᠪᠳᠤᠯᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠨ᠎ᠠ᠃ | ︽ᠵᠢᠷᠭᠤᠭᠠᠨ ᠤᠨᠤᠪᠴᠢᠲᠠᠢ ᠪᠠᠶᠢᠬᠤ︾ ᠪᠠ ︽ᠲᠠᠪᠤᠨ ᠨᠢᠭᠡ ᠪᠦᠯᠦᠭ︾ ᠤᠨ ᠱᠠᠭᠠᠷᠳᠠᠯᠭ᠎ᠠ ᠶᠤᠰᠤᠭᠠᠷ᠂ ᠡᠮᠤᠨᠡᠬᠢ | ᠬᠤᠭᠤᠴᠠᠭᠠᠨ ᠤ ᠳᠡᠳᠬᠦᠬᠦ ᠨᠢᠭᠤᠷᠯᠠᠯ ᠢᠶᠠᠨ ᠲᠤᠭᠳᠠᠭᠠᠬᠤ᠂ ᠳᠠᠩᠰᠠ ᠺᠠᠷᠲ ᠪᠠᠶᠢᠭᠤᠯᠬᠤ᠂ ᠨᠢᠭᠤᠷᠳᠠᠨ ᠳᠡᠳᠬᠦᠬᠦ | ᠪᠠ ᠡᠷᠦᠬᠡ ᠳᠤ ᠬᠦᠨᠵᠡᠭᠡᠶᠢᠷᠡᠨ ᠪᠠᠶᠢᠴᠠᠭᠠᠬᠤ ᠶᠢ ᠦᠷᠨᠢᠭᠦᠯᠦᠭᠰᠡᠨ ᠤ ᠰᠠᠭᠤᠷᠢᠨ ᠳᠡᠭᠡᠷ᠎ᠡ᠂ ᠵᠤᠬᠢᠶᠠᠨ ᠪᠠᠶᠢᠭᠤᠯᠤᠯᠲᠠ | ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠠᠪᠰᠤᠷᠤᠨ ᠳᠡᠳᠬᠦᠬᠦ ᠰᠢᠰᠲ᠋ᠧᠮ ᠢ ᠪᠦᠷᠢᠨᠰᠢᠭᠦᠯᠦᠨ᠂ | ᠡᠭᠦᠷᠭᠡ ᠶᠢ ᠤᠯᠠᠮ ᠨᠠᠷᠢᠯᠢᠭᠵᠢᠭᠤᠯᠵᠤ᠂ ᠤᠨᠤᠪᠴᠢᠲᠠᠢ ᠪᠠᠷ ᠶᠠᠳᠠᠭᠤ ᠶᠢ ᠳᠡᠳᠬᠦᠬᠦ ᠬᠢᠭᠡᠳ ᠡᠯ᠎ᠡ ᠬᠦᠷᠢᠶ᠎ᠠ ᠴᠠᠷ᠎ᠠ | ᠳᠠᠬᠢ ᠲᠦᠷᠦᠯ ᠵᠦᠢᠯ ᠢ ᠨᠢᠭᠡᠳᠭᠡᠨ ᠬᠡᠷᠡᠭᠵᠢᠭᠦᠯᠵᠤ᠂ ᠴᠢᠭ ᠲᠤᠭᠳᠠᠭᠠᠨ ᠶᠠᠳᠠᠭᠤ ᠶᠢ ᠳᠡᠳᠬᠦᠬᠦ ᠪᠠ ᠨᠡᠶᠢᠭᠡᠮ ᠤᠨ | ᠬᠦᠴᠦᠨ ᠠᠴᠠ ᠶᠠᠳᠠᠭᠤ ᠶᠢ ᠳᠡᠳᠬᠦᠬᠦ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠳᠤᠷ ᠦᠷᠨᠢᠭᠦᠯᠦᠨ᠂ 410 ᠡᠷᠦᠬᠡ | ᠂ 1095 ᠬᠦᠮᠦᠨ ᠢ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠵᠤ᠂ ᠵᠢᠯ ᠤᠨ ᠡᠴᠤᠰ | ᠠᠴᠠ ᠡᠮᠤᠨ᠎ᠡ ︽ᠠᠷᠠᠳ ᠨᠢ ᠶᠠᠳᠠᠭᠤ ᠠᠴᠠ ᠠᠩᠬᠢᠵᠢᠷᠡᠵᠤ᠂ ᠬᠤᠰᠢᠭᠤ ᠨᠢ ᠶᠠᠳᠠᠭᠤ ᠨᠡᠷ᠎ᠡ ᠪᠠᠨ ᠳᠠᠶᠠᠭᠳᠠᠬᠤ︾ | ᠬᠠᠷᠠᠯᠲᠠ ᠶᠢ ᠪᠡᠶᠡᠯᠡᠭᠦᠯᠦᠨ᠎ᠡ᠃ ︽ᠭᠤᠷᠪᠠ ᠶᠢ ᠭᠠᠴᠠᠭ᠎ᠠ ᠪᠤᠶᠤ ᠡᠷᠦᠬᠡ ᠳᠤ ᠬᠦᠷᠭᠡᠬᠦ︾ ᠶᠠᠳᠠᠭᠤ ᠶᠢ ᠳᠡᠳᠬᠦᠬᠦ | ᠲᠦᠷᠦᠯ ᠵᠦᠢᠯ ᠪᠠ ︽ᠮᠦᠩᠭᠦᠨ ᠬᠦᠢᠯᠭᠡᠭᠡ ᠪᠠᠷ ᠶᠠᠳᠠᠭᠤ ᠶᠢ ᠳᠡᠳᠬᠦᠬᠦ︾ ᠢᠨᠵᠧᠨᠧᠷᠢᠩ ᠵᠢᠴᠢ ᠬᠠᠷᠢᠯᠴᠠᠨ | ᠬᠠᠪᠰᠤᠷᠤᠯᠴᠠᠬᠤ ᠪᠡᠯᠨ ᠮᠦᠩᠭᠦᠨ ᠤ ᠲᠦᠷᠦᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠤ᠂ ᠡᠯ᠎ᠡ ᠲᠦᠷᠦᠯ ᠤᠨ | ᠳᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠢ ᠨᠢᠭᠡᠳᠬᠡᠨ᠂ ᠪᠠᠶᠢᠭᠠᠯᠢᠯᠢᠭ ᠨᠡᠷ᠎ᠡ ᠳᠡᠮᠳᠡᠭ ᠤᠨ ᠪᠦᠲᠦᠭᠡᠨ | ᠪᠠᠶᠢᠭᠤᠯᠤᠯᠲᠠ ᠶᠢ ᠲᠤᠪᠤᠶᠢᠯᠭᠠᠵᠤ᠂ ᠴᠠᠬᠠᠷ ᠬᠤᠨᠢ᠂ ᠰᠢᠮᠧᠨ᠋ᠲ᠋ᠧᠷ ᠦᠭᠡᠷ ᠪᠠ ᠡᠾᠧᠰᠲ᠋ᠠᠨ ᠰᠠᠭᠠᠯᠢ ᠶᠢᠨ ᠦᠨᠢᠶ᠎ᠡ | ᠠᠷᠠᠴᠢᠯᠠᠨ ᠳᠡᠵᠢᠭᠡᠬᠦ ᠦᠢᠯᠡᠰ ᠢ ᠭᠤᠤᠯᠳᠠᠯᠭ᠎ᠠ ᠲᠠᠢ ᠬᠦᠭᠵᠢᠭᠦᠯᠵᠤ᠂ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ | ᠪᠠᠨ ᠦᠷᠭᠦᠯᠵᠢᠯᠡᠨ ᠬᠤᠪᠢᠷᠠᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠨ᠂ ᠳᠡᠵᠢᠭᠡᠨ ᠠᠷᠠᠴᠢᠯᠠᠬᠤ | ᠦᠢᠯᠡᠰ ᠢ ᠬᠦᠭᠵᠢᠭᠦᠯᠬᠦ ᠪᠠᠷ ᠳᠠᠮᠵᠢᠨ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠤᠨ᠎ᠠ᠃ ︽ᠮᠠᠯᠴᠢᠨ | ᠠᠶᠢᠯ︾ ᠵᠤᠭᠠᠴᠠᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠳᠠᠲᠠᠢ ᠠᠷᠭ᠎ᠠ ᠶᠢ ᠳᠤᠭᠳᠠᠭᠠᠨ ᠭᠠᠷᠭᠠᠵᠤ᠂ ᠠᠵᠤ | ᠦᠢᠯᠡᠰ ᠢ ᠨᠢ ᠬᠤᠪᠢᠷᠠᠭᠤᠯᠤᠨ ᠬᠦᠮᠦᠨ ᠢ ᠨᠢ ᠰᠢᠯᠵᠢᠭᠦᠯᠬᠦ ᠦᠭᠡᠢ ᠪᠠᠷ ᠲᠤᠬᠠᠢ ᠶᠢᠨ ᠭᠠᠵᠠᠷ ᠳᠤᠨᠢ ᠨᠢᠭᠡ ᠪᠦᠯᠦᠭ | ᠬᠦᠮᠦᠰ ᠢ ᠶᠠᠳᠠᠭᠤ ᠠᠴᠠ ᠠᠩᠬᠢᠵᠢᠷᠠᠭᠤᠯᠤᠨ᠎ᠠ᠃ ᠠᠵᠢᠯ ᠤᠯᠭᠤᠬᠤ ᠪᠤᠯᠪᠠᠰᠤᠷᠠᠯ ᠤᠨ ᠰᠠᠭᠤᠷᠢᠨ ᠭᠠᠵᠠᠷ ᠤᠨ | ᠲᠦᠷᠦᠯ ᠵᠦᠢᠯ ᠢ ᠲᠡᠮᠡᠴᠡᠨ ᠤᠯᠵᠤ᠂ ᠮᠠᠯᠵᠢᠬᠤ ᠤᠷᠤᠨ ᠤ ᠬᠦᠳᠡᠯᠮᠤᠷᠢ ᠬᠦᠴᠦ ᠶᠢ ᠰᠢᠯᠵᠢᠭᠦᠯᠦᠨ | ᠪᠤᠯᠪᠠᠰᠤᠷᠠᠭᠤᠯᠬᠤ ᠠᠵᠢᠯ ᠢ ᠰᠠᠶᠢᠳᠤᠷ ᠠᠳᠬᠤᠨ᠂ ᠦᠢᠯᠡᠰ ᠪᠤᠰᠬᠠᠨ ᠠᠵᠢᠯ ᠤᠯᠭᠤᠬᠤ ᠵᠢᠭᠡᠯᠡᠯᠭᠡ ᠶᠢ ᠠᠰᠢᠭᠯᠠᠨ᠂ | ᠶᠠᠳᠠᠭᠤ ᠡᠷᠦᠬᠡ ᠶᠢ ᠳᠡᠳᠬᠦᠨ ᠦᠨᠳᠤᠰᠤᠲᠠᠨ ᠤ ᠬᠤᠭᠤᠯᠨ ᠤᠮᠳᠠ᠂ ᠦᠨᠳᠤᠰᠤᠲᠠᠨ ᠤ ᠬᠤᠪᠴᠠᠰᠤ ᠵᠠᠰᠠᠯ᠂ ᠭᠠᠷ | ᠤᠷᠠᠯᠠᠯ ᠤᠨ ᠪᠦᠲᠦᠭᠡᠭᠳᠡᠭᠦᠨ ᠬᠢᠬᠦ ᠵᠡᠷᠭᠡ ᠤᠨᠴᠠᠯᠢᠭᠲᠤ ᠠᠵᠤ ᠦᠢᠯᠡᠰ ᠢ ᠬᠦᠭᠵᠢᠭᠦᠯᠬᠦ ᠪᠠᠷ ᠳᠠᠮᠵᠢᠨ ᠨᠢᠭᠡ | ᠪᠦᠯᠦᠭ ᠬᠦᠮᠦᠰ ᠢ ᠶᠠᠳᠠᠭᠤ ᠠᠴᠠ ᠠᠩᠬᠢᠵᠢᠷᠡᠭᠤᠯᠤᠨᠠ᠃ ᠡᠪᠡᠳᠴᠢᠨ ᠢᠶᠠᠷ ᠶᠠᠳᠠᠭᠤᠷᠠᠭᠰᠠᠨ ᠪᠠ ᠰᠤᠷᠤᠯᠭ᠎ᠠ ᠶᠢᠨ | ᠰᠢᠯᠳᠠᠭᠠᠨ ᠢᠶᠠᠷ ᠶᠠᠳᠠᠭᠤᠷᠠᠭᠰᠠᠨ ᠬᠦᠮᠦᠰ ᠢ ᠡᠮ ᠡᠮᠨᠡᠯᠭᠡ ᠪᠠᠷ ᠠᠪᠤᠷᠠᠨ ᠳᠤᠰᠠᠯᠠᠬᠤ᠂ ᠰᠤᠷᠭᠠᠨ ᠬᠦᠮᠦᠵᠢᠯ ᠤᠨ | ᠪᠡᠯᠨ ᠮᠦᠩᠭᠦ ᠪᠠᠷ ᠳᠡᠮᠵᠢᠬᠦ ᠲᠦᠷᠦ ᠶᠢᠨ ᠪᠤᠳᠤᠯᠭ᠎ᠠ ᠪᠠ ᠰᠤᠷᠭᠠᠨ ᠬᠦᠮᠦᠵᠢᠯ ᠤᠨ ᠰᠠᠭᠤᠷᠢ ᠮᠦᠩᠬᠦ ᠪᠠᠷ ᠳᠠᠮᠵᠢᠨ | ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠤᠨ᠎ᠠ᠃ ᠵᠡᠮᠳᠡᠭ᠂ ᠨᠠᠰᠤ ᠠᠬᠢᠭᠰᠠᠨ ᠵᠡᠷᠭᠡ ᠬᠦᠳᠡᠯᠮᠤᠷᠢᠯᠡᠬᠦ | ᠴᠢᠳᠠᠪᠤᠷᠢ ᠪᠠᠨ ᠠᠯᠳᠠᠭᠰᠠᠨ ᠬᠦᠮᠦᠰ ᠢ ᠨᠡᠶᠢᠭᠡᠮ ᠤᠨ ᠠᠪᠤᠷᠠᠨ ᠳᠤᠰᠠᠯᠠᠬᠤ ᠬᠦᠷᠢᠶ᠎ᠡ ᠬᠡᠪᠴᠢᠶᠡᠨ ᠳᠤ ᠤᠷᠤᠭᠤᠯᠵᠤ᠂ | ᠨᠡᠶᠢᠭᠡᠮ ᠤᠨ ᠪᠠᠳᠤᠯᠠᠭ᠎ᠠ ᠪᠠᠷ ᠳᠠᠮᠵᠢᠨ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠤᠨ᠎ᠠ᠃ | ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠠᠳᠬᠤᠨ᠎ᠠ᠃ ︽ᠭᠤᠷᠪᠠ ᠶᠢ | ᠤᠶᠠᠯᠳᠤᠭᠤᠯᠬᠤ︾ ᠠᠵᠢᠯ ᠤᠨ ᠵᠠᠷᠴᠢᠮ ᠢ ᠪᠠᠷᠢᠮᠳᠠᠯᠠᠨ᠂ ︽ᠭᠤᠷᠪᠠ ᠪᠠᠷ ᠭᠤᠤᠯ ᠪᠤᠯᠭᠠᠬᠤ︾ ᠠᠵᠢᠯ ᠤᠨ | ᠲᠤᠭᠳᠠᠴᠠ ᠪᠠ ︽10 +3︾ ᠪᠦᠲᠦᠭᠡᠨ ᠪᠠᠶᠢᠭᠤᠯᠬᠤ ᠠᠭᠤᠯᠭ᠎ᠠ ᠪᠠ ᠪᠦᠷᠬᠦᠬᠦᠯᠬᠦ ᠰᠢᠰᠲ᠋ᠧᠮ ᠢ | ᠳᠡᠭᠦᠯᠳᠡᠷᠵᠢᠭᠦᠯᠵᠤ᠂ ᠤᠬᠠᠭᠤᠯᠤᠨ ᠳᠠᠶᠢᠴᠢᠯᠠᠬᠤ᠂ ᠪᠡᠯᠨ ᠮᠦᠩᠭᠦ ᠴᠤᠭᠯᠠᠭᠤᠯᠬᠤ᠂ ᠠᠵᠢᠯᠴᠢᠨ ᠪᠠ ᠮᠠᠲ᠋ᠧᠷᠢᠶᠠᠯ | ᠪᠡᠯᠡᠳᠬᠡᠬᠦ᠂ ᠳᠠᠭᠠᠭᠠᠴᠢᠯᠠᠯᠲᠠ ᠵᠠᠷᠯᠠᠬᠤ᠂ ᠲᠦᠷᠦᠯ ᠵᠦᠢᠯ ᠢ ᠬᠡᠷᠡᠭᠵᠢᠭᠦᠯᠬᠦ᠂ ᠪᠠᠷᠢᠯᠭ᠎ᠠ ᠳᠤ ᠬᠢᠨᠠᠯᠲᠠ ᠳᠠᠯᠪᠢᠬᠤ᠂ | ᠶᠡᠷᠦᠩᠭᠡᠶᠢᠯᠡᠨ ᠬᠢᠨᠠᠨ ᠰᠢᠯᠭᠠᠯᠲᠠ ᠬᠢᠬᠦ ᠵᠡᠷᠭᠡ ᠠᠵᠢᠯ ᠢ ᠨᠢᠭᠡᠳᠤᠯᠲᠠᠢ ᠰᠠᠶᠢᠳᠤᠷ ᠬᠢᠵᠤ᠂ ᠪᠦᠲᠦᠭᠡᠨ ᠪᠠᠶᠢᠭᠤᠯᠤᠯᠲᠠ | ᠶᠢᠨ ᠡᠭᠦᠷᠭᠡ ᠪᠠᠨ ᠴᠢᠨᠠᠷᠯᠢᠭ ᠪᠡᠶᠡᠯᠡᠭᠦᠯᠬᠦ ᠶᠢ ᠪᠠᠳᠤᠯᠠᠨ᠎ᠠ᠃ ᠰᠤᠮᠤ ᠪᠠᠯᠭᠠᠰᠤ ᠪᠠ ︽ᠨᠢᠭᠡᠳᠤᠭᠡᠷ ᠱᠦᠵᠢ︾᠂ | ᠭᠠᠴᠠᠭᠠᠨ ᠳᠤ ᠪᠠᠭᠤᠭᠰᠠᠨ ᠺᠠᠳ᠋ᠷ᠂ ᠭᠠᠴᠠᠭᠠᠨ ᠤ ᠺᠠᠳ᠋ᠷ᠂ ᠨᠠᠮ ᠤᠨ ᠬᠡᠰᠢᠭᠦᠨ ᠭᠤᠤᠯᠳᠠᠯᠭᠠᠲᠤ ᠡᠷᠦᠬᠡ ᠶᠢᠨ | ᠦᠢᠯᠡᠳᠤᠯ ᠢ ᠤᠯᠠᠮ ᠪᠠᠳᠠᠷᠠᠭᠤᠯᠵᠤ᠂ ᠡᠷᠦᠬᠡ ᠪᠤᠯᠭᠠᠨ ᠳᠤ ᠤᠬᠠᠭᠤᠯᠬᠤ᠂ ᠵᠤᠬᠢᠶᠠᠨ ᠪᠠᠶᠢᠭᠤᠯᠤᠨ ᠳᠠᠶᠢᠴᠢᠯᠠᠬᠤ | ᠠᠵᠢᠯ ᠢ ᠬᠦᠨᠵᠡᠭᠡᠢ ᠨᠠᠷᠢᠨ ᠨᠢᠮᠪᠠᠢ ᠰᠠᠶᠢᠳᠤᠷ ᠬᠢᠵᠤ᠂ ᠮᠠᠯᠴᠢᠳ ᠤᠨ ᠬᠦᠳᠡᠯᠮᠤᠷᠢ ᠬᠦᠴᠦ ᠪᠠᠷ ᠢᠶᠠᠨ ᠢᠳᠡᠪᠬᠢᠯᠡᠨ | ᠤᠷᠤᠯᠴᠠᠬᠤ ᠶᠢ ᠵᠢᠯᠤᠭᠤᠳᠤᠨ ᠳᠠᠭᠠᠭᠤᠯᠤᠨ᠎ᠠ᠃ 1000 ᠮᠠᠯᠴᠢᠨ ᠡᠷᠦᠬᠡ ᠶᠢᠨ ᠠᠶᠤᠯᠲᠠᠢ ᠬᠡᠷ ᠪᠠᠶᠢᠰᠢᠩ ᠢ | ᠦᠭᠡᠷᠡᠴᠢᠯᠡᠨ ᠰᠢᠨᠡᠳᠭᠡᠬᠦ ᠶᠢ ᠪᠡᠶᠡᠯᠡᠭᠦᠯᠵᠤ᠂ 2800 ᠡᠷᠦᠬᠡ ᠶᠢᠨ ᠭᠡᠷ ᠪᠠᠶᠢᠰᠢᠩ ᠢ ᠴᠢᠨᠠᠷᠵᠢᠭᠤᠯᠤᠨ ᠳᠡᠰ | ᠳᠡᠪᠰᠢᠭᠦᠯᠵᠤ᠂ ᠨᠡᠭᠦᠳᠡᠯ ᠮᠠᠯᠴᠢᠳ ᠢ ᠰᠠᠭᠤᠷᠢᠰᠢᠭᠤᠯᠬᠤ ᠪᠠ ᠮᠠᠯᠴᠢᠳ ᠤᠨ ᠰᠢᠨ᠎ᠡ ᠤᠷᠤᠨ ᠰᠠᠭᠤᠴᠨ ᠶᠢᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠭᠡᠷᠡᠭᠵᠢᠭᠦᠯᠦᠨ᠎ᠡ᠃ 100 ᠤᠰᠤᠨ ᠰᠤᠷᠪᠤᠯᠵᠢ ᠶᠢᠨ | ᠬᠤᠳᠳᠤᠭ ᠢ ᠰᠢᠨ᠎ᠡ ᠪᠠᠷ ᠮᠠᠯᠳᠠᠵᠤ᠂ ᠲᠦᠪᠯᠡᠷᠡᠭᠦᠯᠦᠨ ᠤᠰᠤ ᠬᠠᠩᠭᠠᠬᠤ ᠢᠨᠵᠧᠨᠧᠷᠢᠩ 10 ᠰᠠᠤᠷᠢ᠂120 | ᠤᠰᠤᠨ ᠵᠤᠭᠤᠷᠢ ᠶᠢ ᠪᠦᠲᠦᠭᠡᠨ ᠪᠠᠶᠢᠭᠤᠯᠵᠤ᠂ ᠤᠰᠤᠨ ᠤ ᠴᠢᠨᠠᠷ ᠬᠠᠷᠢᠴᠠᠩᠭᠤᠢ ᠪᠠᠷ ᠠᠨᠠᠢ ᠭᠠᠵᠠᠷ ᠤᠷᠤᠨ ᠤ | ᠮᠠᠯᠴᠢᠳ ᠲᠤ 700 ᠢᠵᠢ ᠤᠰᠤ ᠠᠷᠢᠭᠤᠳᠬᠠᠬᠤ ᠲᠦᠬᠦᠭᠡᠷᠦᠮᠵᠢ ᠤᠭᠰᠠᠷᠠᠵᠤ ᠦᠭᠭᠦᠨ᠎ᠡ᠃ ᠨᠢᠭᠡᠳᠤᠭᠡᠷ ᠪᠦᠯᠦᠭ | 29.6 ᠺᠢᠯᠤᠮᠧᠲᠷ ᠤᠨ ᠵᠡᠭᠡᠯᠢ ᠭᠤᠳᠤᠮᠵᠢ ᠶᠢᠨ ᠬᠠᠳᠠᠭᠤᠷᠠᠭᠤᠯᠤᠯᠲᠠ ᠶᠢᠨ ᠢᠨᠵᠧᠨᠧᠷᠢᠩ ᠪᠠ ᠭᠠᠴᠠᠭᠠᠨ ᠳᠤ | ᠨᠡᠪᠳᠡᠷᠡᠬᠦ 129 ᠺᠢᠯᠤᠮᠧᠲᠷ ᠤᠨ ᠵᠠᠰᠠᠮᠠᠯ ᠵᠠᠮ ᠤᠨ ᠢᠨᠵᠧᠨᠧᠷᠢᠩ ᠵᠢᠴᠢ ︽ᠳᠤᠰᠬᠠᠢ ᠶᠠᠪᠤᠳᠠᠯ ᠢ ᠳᠤᠰᠬᠠᠢ | ᠵᠦᠪᠯᠡᠬᠦ︾ 120 ᠺᠢᠯᠤᠮᠧᠲᠷ ᠤᠨ ᠬᠠᠶᠢᠷ ᠴᠢᠯᠠᠭᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠰᠠᠶᠢᠳᠤᠷ ᠬᠡᠷᠡᠭᠵᠢᠭᠦᠯᠬᠦ ᠬᠡᠷᠡᠭᠲᠠᠢ᠃ ᠪᠠᠶᠠᠨᠲᠠᠯ᠎ᠠ ᠠᠴᠠ ᠬᠦᠨᠳᠡᠯᠡᠨ ᠬᠦᠷᠬᠦ ᠭᠤᠤᠯ ᠱᠤᠭᠤᠮ ᠢᠶᠠᠷ ᠳᠠᠮᠵᠢᠭᠤᠯᠤᠨ | ᠬᠦᠴᠦᠳᠡᠯ ᠬᠤᠪᠢᠰᠬᠠᠬᠤ ᠢᠨᠵᠧᠨᠧᠷᠢᠩ ᠢ ᠬᠡᠷᠡᠭᠵᠢᠭᠦᠯᠵᠤ᠂ 52 ᠮᠠᠯᠴᠢᠨ ᠡᠷᠦᠬᠡ ᠳᠤ ᠲᠤᠤᠷᠴᠢᠯᠠᠭᠰᠠᠨ ᠴᠠᠬᠢᠯᠭᠠᠨ | ᠨᠡᠪᠳᠡᠷᠡᠭᠦᠯᠵᠤ᠂ ᠲᠤᠤᠷᠴᠢᠯᠠᠭᠰᠠᠨ ᠴᠠᠬᠢᠯᠭᠠᠨ ᠨᠡᠪᠳᠡᠷᠡᠬᠦ ᠨᠦᠬᠦᠴᠡᠯ ᠪᠤᠯᠤᠮᠵᠢ ᠦᠭᠡᠢ ᠮᠠᠯᠴᠢᠨ ᠡᠷᠦᠬᠡ ᠳᠤ ᠨᠠᠷᠨ | ᠰᠠᠯᠬᠢᠨ ᠬᠠᠷᠢᠯᠴᠠᠨ ᠨᠦᠬᠦᠪᠦᠷᠢᠯᠡᠬᠦ ᠴᠠᠬᠢᠯᠭᠠᠨ ᠬᠠᠩᠭᠠᠬᠤ ᠲᠦᠬᠦᠭᠡᠷᠦᠮᠵᠢ ᠶᠢ ᠳᠡᠰ ᠳᠡᠪᠰᠢᠭᠦᠯᠦᠨ ᠰᠢᠨᠡᠳᠭᠡᠵᠤ | ᠦᠭᠭᠦᠨ᠎ᠡ᠃ ᠭᠠᠵᠠᠷ ᠳᠡᠭᠡᠷᠡᠬᠢ ᠲᠤᠭᠠᠴᠢᠯᠠᠭᠰᠠᠨ ᠰᠠᠭᠤᠷᠢ ᠦᠷᠳᠡᠭᠡ 3᠂ ᠴᠢᠮᠡᠭᠡ ᠨᠡᠪᠳᠡᠷᠡᠭᠦᠯᠭᠡ ᠶᠢᠨ ᠰᠠᠭᠤᠷᠢ | ᠦᠷᠳᠡᠭᠡ 45 ᠶᠢ ᠪᠠᠶᠢᠭᠤᠯᠵᠤ᠂ ᠡᠷᠦᠬᠡ ᠪᠤᠯᠭᠠᠨ ᠳᠤ ᠨᠡᠪᠳᠡᠷᠡᠬᠦ ᠲᠦᠬᠦᠭᠡᠷᠤᠮᠵᠢ 400 ᠢᠵᠢ ᠤᠭᠰᠠᠷᠠᠨ᠎ᠠ᠃ | ᠰᠤᠶᠤᠯ ᠤᠨ ᠬᠦᠳᠡᠯᠪᠤᠷᠢ ᠶᠢᠨ ᠳᠠᠰᠤᠭ 10 ᠶᠢ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠨ ᠵᠠᠰᠠᠵᠤ᠂ | ᠭᠠᠴᠠᠭᠠᠨ ᠤ ᠡᠷᠡᠭᠦᠯ ᠬᠠᠮᠠᠭᠠᠯᠠᠯ ᠤᠨ ᠳᠠᠰᠤᠭ ᠢ 6 ᠪᠠᠶᠢᠭᠤᠯᠤᠨ᠎ᠠ᠃ ᠡᠭᠦᠨ ᠤ ᠬᠠᠮᠳᠤ᠂ ᠬᠦᠷᠢᠶ᠎ᠡ ᠬᠡᠷᠡᠮ ᠢ | ᠦᠭᠡᠷᠡᠴᠢᠯᠡᠨ ᠵᠠᠰᠠᠬᠤ᠂ ᠫᠧᠩ ᠬᠤᠷᠤᠭ᠎ᠠ ᠶᠢ ᠰᠡᠯᠪᠢᠨ ᠵᠠᠰᠠᠬᠤ᠂ ᠬᠤᠭ ᠨᠤᠪᠰᠢ ᠬᠠᠶᠠᠬᠤ ᠴᠦᠩᠭᠦ ᠪᠠ ᠨᠠᠶᠢᠲᠡ | ᠶᠢᠨ ᠵᠤᠷᠯᠤᠩ ᠤᠨ ᠪᠦᠲᠦᠭᠡᠨ ᠪᠠᠶᠢᠭᠤᠯᠤᠯᠲᠠ ᠵᠡᠷᠭᠡ ᠤᠷᠤᠨ ᠰᠠᠭᠤᠴᠨ ᠶᠢᠨ ᠤᠷᠴᠢᠨ ᠲᠤᠭᠤᠷᠢᠨ ᠢ ᠴᠡᠭᠴᠡᠯᠡᠨ | ᠵᠠᠰᠠᠬᠤ ᠪᠠ ᠦᠷᠭᠡᠳᠬᠡᠬᠦ ᠲᠠᠯ᠎ᠠ ᠪᠠᠷ ᠬᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠳᠤᠷ ᠵᠤᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠲᠠᠪᠤ︶ ᠪᠠᠳᠣᠯᠠᠭ᠎ᠠ ᠶᠢᠨ ᠴᠢᠳᠠᠪᠣᠷᠢ ᠶᠢ ᠲᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠣᠯᠠᠮ ᠲᠡᠭᠦᠯᠳᠡᠷᠵᠢᠭᠦᠯᠦᠨ᠎ᠠ᠃ | ᠲᠦᠯᠦᠪᠵᠢᠭᠦᠯᠭᠡ ᠶᠢᠨ ᠪᠠᠶᠢᠷᠢᠰᠢᠯᠠᠭᠤᠯᠤᠯᠲᠠ ᠶᠢ ᠨᠢᠭᠡᠳᠦᠯᠲᠠᠢ ᠲᠦᠯᠦᠪᠵᠢᠭᠦᠯᠦᠨ᠎ᠡ᠃ ᠲᠦᠯᠦᠪᠵᠢᠭᠦᠯᠭᠡ | ᠶᠢᠨ ᠵᠣᠭᠢᠴᠠᠯᠲᠦ ᠴᠢᠨᠠᠷ᠂ ᠬᠠᠮᠣᠷᠬᠤ ᠴᠢᠨᠠᠷ᠂ ᠬᠠᠷᠢᠯᠴᠠᠨ ᠨᠦᠭᠦᠪᠦᠷᠢᠯᠡᠬᠦ ᠴᠢᠨᠠᠷ ᠢ ᠪᠠᠷᠢᠮᠳᠠᠯᠠᠨ᠂ ᠬᠤᠳᠠ | ᠪᠠᠯᠭᠠᠰᠣᠨ ᠤ ᠲᠦᠯᠦᠪᠵᠢᠭᠦᠯᠭᠡ ᠭᠢᠭᠡᠳ ᠠᠵᠦ ᠠᠬᠤᠢ ᠨᠡᠶᠢᠭᠡᠮ ᠤᠨ ᠭᠦᠭᠵᠢᠯᠳᠠ᠂ ᠭᠠᠵᠠᠷ ᠰᠢᠷᠣᠢ ᠶᠢᠨ ᠡᠭᠢ | ᠪᠠᠶᠠᠯᠢᠭ ᠢ ᠠᠰᠢᠭᠯᠠᠬᠤ᠂ ᠠᠮᠢ ᠠᠬᠤᠢ ᠶᠢᠨ ᠣᠯᠠᠭᠠᠨ ᠱᠣᠭᠤᠮ ᠢ ᠢᠯᠭᠠᠨ ᠳᠣᠭᠳᠠᠭᠠᠬᠤ ᠵᠡᠷᠭᠡ ᠣᠯᠠᠨ | ᠲᠦᠯᠦᠪᠵᠢᠭᠦᠯᠭᠡ ᠶᠢ ᠨᠢᠭᠡᠳᠭᠡᠨ᠂ ᠡᠨᠡ ᠵᠢᠯ ᠰᠢᠨᠠᠪᠣᠯᠠᠭ ᠪᠠᠯᠭᠠᠰᠣᠨ ᠤ ᠬᠤᠳᠠ ᠪᠠᠯᠭᠠᠰᠣᠨ ᠤ ᠭᠦᠭᠵᠢᠯᠳᠠ ᠶᠢᠨ | ᠲᠦᠯᠦᠪᠵᠢᠭᠦᠯᠭᠡ ᠪᠠ ᠭᠢᠵᠠᠭᠠᠷᠯᠠᠬᠤ ᠴᠢᠨᠠᠷᠲᠠᠢ ᠨᠠᠷᠢᠨ ᠲᠦᠯᠦᠪᠵᠢᠭᠦᠯᠭᠡ ᠳᠤ ᠵᠠᠰᠠᠪᠤᠷᠢ ᠤᠷᠤᠭᠤᠯᠤᠨ | ᠲᠠᠭᠦᠯᠳᠡᠷᠵᠢᠭᠦᠯᠦᠨᠠ᠃ | ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢ ᠰᠠᠶᠢᠳᠣᠷ ᠠᠳᠬᠤᠨ᠎ᠠ᠃ ︽ᠠᠷᠠᠳ ᠤᠨ ᠠᠮᠢᠳᠣᠷᠠᠯ | ᠳᠤ ᠬᠤᠯᠪᠤᠭᠳᠠᠭᠰᠠᠨ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ︾ ᠶᠢᠨ ᠣᠶᠢᠯᠠᠭᠠᠭᠳᠠᠬᠤᠨ ᠢ ᠪᠠᠷᠢᠮᠳᠠᠯᠠᠨ᠂ | PPP ᠶᠢᠨ ᠬᠡᠪ ᠵᠠᠭᠪᠤᠷ ᠢᠶᠠᠷ ᠬᠤᠲᠠ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠬᠢᠨ᠎ᠡ᠃ | ᠠᠮᠤᠭᠤᠯᠠᠩ ᠬᠦᠭᠦᠷᠭᠡ ᠪᠠ ᠰᠢᠨᠡᠪᠤᠯᠠᠭ ᠬᠦᠭᠦᠷᠭᠡ ᠶᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠤ᠂ | ᠬᠤᠲᠠ ᠪᠠᠯᠭᠠᠰᠤᠨ ᠤ ᠵᠠᠮ ᠢ 1.3 ᠺᠢᠯᠤᠮᠧᠲᠷ ᠦᠷᠭᠡᠳᠬᠡᠨ᠂ ᠲᠤᠯᠠᠭᠠᠯᠭ᠎ᠠ ᠶᠢᠨ ᠬᠤᠭᠤᠯᠠᠢ ᠶᠢ 5.8 ᠺᠢᠯᠤᠮᠧᠲᠷ | ᠂ ᠤᠰᠤ ᠬᠠᠩᠭᠠᠯᠭ᠎ᠠ ᠶᠢᠨ ᠬᠤᠭᠤᠯᠠᠢ ᠶᠢ 12.5 ᠺᠢᠯᠤᠮᠧᠲᠷ ᠦᠭᠡᠷᠡᠴᠢᠯᠡᠨ ᠵᠠᠰᠠᠵᠤ᠂ ᠨᠢᠭᠡ ᠵᠢᠯ ᠳᠤ ᠨᠢᠭᠡ ᠵᠡᠭᠡᠯᠢ | ᠭᠤᠳᠤᠮᠵᠢ ᠶᠢ ᠦᠭᠡᠷᠡᠴᠢᠯᠡᠨ ᠵᠠᠰᠠᠬᠤ ᠲᠦᠯᠦᠪᠯᠡᠭᠡ ᠶᠤᠰᠤᠭᠠᠷ᠂ ᠪᠣᠭᠳᠠ ᠵᠠᠮ ᠢ ᠦᠭᠡᠷᠡᠴᠢᠯᠡᠨ ᠵᠠᠰᠠᠬᠤ | ᠢᠨᠵᠧᠨᠧᠷᠢᠩ ᠢ ᠪᠡᠶᠡᠯᠡᠭᠦᠯᠵᠤ᠂ ᠬᠤᠳᠠ ᠪᠠᠯᠭᠠᠰᠣᠨ ᠤ ︽ᠳᠤᠳᠤᠭᠠᠲᠤ ᠠᠭᠤᠯᠤᠭᠳᠠᠬᠤᠨ ᠬᠡᠯᠪᠡᠷᠢ ︾ ᠶᠢᠨ | ᠦᠭᠡᠷᠠᠴᠢᠯᠠᠯᠳᠠ ᠶᠢᠨ ᠦᠷ᠎ᠡ ᠠᠰᠢᠭ ᠢ ᠣᠯᠠᠮ ᠳᠡᠭᠡᠭᠰᠢᠯᠡᠭᠦᠯᠦᠨ᠎ᠡ᠃ ᠨᠤᠭᠤᠭᠠᠷᠠᠭᠤᠯᠤᠯᠲᠠ᠂ ᠭᠤᠸᠠᠵᠢᠭᠤᠯᠤᠯᠲᠠ᠂ | ᠭᠡᠭᠡᠷᠡᠭᠦᠯᠦᠯᠲᠡ ᠶᠢᠨ ᠢᠨᠵᠧᠨᠧᠷᠢᠩ ᠢ ᠬᠡᠷᠡᠭᠵᠢᠭᠦᠯᠦᠨ᠂ ᠤᠶᠢᠵᠢᠭᠤᠯᠤᠯᠲᠠ ᠶᠢᠨ ᠬᠦᠷᠢᠶᠡᠯᠡᠩ ᠢ 7 ᠲᠦᠮᠡᠨ ᠳᠡᠭᠰᠢ | ᠲᠦᠷᠪᠡᠯᠵᠢᠨ ᠮᠧᠲᠷ ᠨᠤᠭᠤᠭᠠᠷᠠᠭᠤᠯᠵᠤ᠂ ᠨᠠᠷᠠᠨ ᠡᠨᠧᠷᠬᠢ ᠶᠢᠨ ᠵᠠᠮ ᠤᠨ ᠳ᠋ᠧᠩ ᠢ 155 ᠤᠭᠰᠠᠷᠠᠵᠤ᠂ | ᠰᠠᠭᠤᠷᠢᠰᠢᠬᠤ ᠳᠤ ᠳᠠᠭᠠᠯᠠᠮᠵᠢᠲᠠᠢ᠂ ᠠᠵᠢᠯᠯᠠᠬᠤ ᠳᠤ ᠲᠦᠭᠦᠮ᠂ ᠵᠣᠭᠠᠴᠠᠬᠤ ᠳᠤ ᠲᠤᠬᠢᠷᠠᠮᠵᠢᠲᠠᠢ ᠲᠠᠯ᠎ᠠ ᠨᠣᠳᠤᠭ | ᠤᠨ ᠠᠮᠢ ᠠᠬᠤᠢ ᠶᠢᠨ ᠪᠣᠯᠪᠠᠰᠣᠨ ᠬᠤᠳᠠ ᠪᠠᠯᠭᠠᠰᠣ ᠶᠢ ᠪᠦᠳᠦᠭᠡᠨ ᠪᠠᠶᠢᠭᠤᠯᠣᠨ᠎ᠠ᠃ ᠲᠦᠭᠦᠮ ᠪᠦᠲᠦᠴᠡᠲᠤ ᠭᠡᠷ | ᠪᠠᠶᠢᠰᠢᠩ ᠢ ᠦᠭᠡᠷᠡᠴᠢᠯᠡᠨ ᠵᠠᠰᠠᠬᠤ ᠪᠠ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠳᠣᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠶᠠᠰᠣ ᠴᠢᠨᠠᠷ ᠢ | ᠭᠢᠨᠠᠨ ᠬᠠᠮᠢᠶᠠᠷᠬᠤ ᠠᠵᠢᠯ ᠢ ᠰᠠᠶᠢᠳᠣᠷ ᠭᠢᠵᠦ᠂ ᠭᠡᠷ ᠭᠠᠵᠠᠷ ᠬᠦᠷᠦᠩᠭᠡ ᠶᠢᠨ ᠠᠵᠦ ᠦᠢᠯᠠᠰ ᠤᠨ ᠡᠷᠡᠭᠦᠯ ᠢᠶᠠᠷ | ᠭᠦᠭᠵᠢᠬᠦ ᠶᠢ ᠠᠭᠢᠭᠤᠯᠣᠨ᠎ᠠ᠃ | ᠬᠤᠳᠠ ᠪᠠᠯᠭᠠᠰᠣᠨ ᠤ ᠬᠠᠮᠢᠶᠠᠷᠣᠯᠳᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠣᠶᠣᠨᠴᠢ ᠬᠤᠳᠠ | ᠪᠠᠯᠭᠠᠰᠤ ᠶᠢ ᠪᠠᠶᠢᠭᠤᠯᠬᠤ ᠣᠶᠢᠯᠠᠭᠠᠭᠳᠠᠬᠤᠨ ᠢ ᠪᠠᠷᠢᠮᠳᠠᠯᠠᠨ᠂ ᠲᠣᠭᠠᠴᠢᠯᠠᠭᠰᠠᠨ ᠮᠠᠶ᠋ᠢᠭ ᠤᠨ ᠬᠤᠳᠠ ᠶᠢᠨ | ᠬᠠᠮᠢᠶᠠᠷᠣᠯᠳᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠪᠠᠯᠭᠠᠰᠣ ᠶᠢ ᠬᠠᠮᠢᠶᠠᠷᠴᠤ ᠬᠠᠮᠠᠭᠠᠯᠠᠬᠤ ᠠᠵᠢᠯᠲᠠᠳ | ᠤᠨ ᠡᠩᠨᠡᠭᠡᠨ ᠤ ᠪᠠᠶᠢᠭᠤᠯᠣᠯᠳᠠ ᠶᠢ ᠴᠢᠩᠭᠠᠳᠬᠠᠨ᠂ ᠣᠷᠴᠢᠨ ᠳᠣᠭᠤᠷᠢᠨ ᠤ ᠠᠷᠢᠭᠤᠨ ᠴᠡᠪᠡᠷᠯᠡᠭᠡᠨ ᠤ ᠭᠡᠰᠡᠭ | ᠲᠦᠭᠦᠭᠡᠷᠦᠮᠵᠢ ᠶᠢ ᠰᠢᠨᠡᠳᠭᠡᠨ ᠰᠣᠯᠢᠵᠦ᠂ ᠬᠤᠳᠠ ᠶᠢᠨ ᠲᠦᠷᠢ ᠲᠦᠷᠬᠦ᠂ ᠣᠷᠴᠢᠨ ᠳᠣᠭᠤᠷᠢᠨ ᠤ ᠠᠷᠢᠭᠤᠨ ᠴᠠᠪᠠᠷ | ᠂ ᠬᠤᠳᠠ ᠶᠢᠨ ᠶᠠᠪᠤᠳᠠᠯ ᠤᠨ ᠲᠦᠭᠦᠭᠡᠷᠦᠮᠵᠢ᠂ ᠨᠣᠭᠤᠭᠠᠷᠠᠭᠤᠯᠣᠭᠰᠠᠨ ᠴᠡᠴᠡᠷᠯᠢᠭ ᠵᠡᠷᠭᠡ ᠳᠤ ᠲᠤᠤᠷᠴᠢᠯᠠᠭᠰᠠᠨ | ᠬᠠᠮᠢᠶᠠᠷᠣᠯᠳᠠ ᠶᠢ ᠦᠷᠭᠦᠯᠵᠢᠯᠠᠨ ᠭᠡᠷᠡᠭᠵᠢᠭᠦᠯᠵᠦ᠂ ᠭᠡᠷ ᠪᠠᠶᠢᠰᠢᠩ ᠤᠨ ᠳᠣᠭᠤᠷᠢᠭ᠂ ᠵᠡᠭᠡᠯᠢ ᠶᠢᠨ ᠳᠠᠯᠳᠠ | ᠭᠤᠳᠣᠮᠵᠢ ᠵᠡᠷᠭᠡ ᠭᠠᠵᠠᠷ ᠣᠷᠣᠨ ᠤ ᠣᠷᠴᠢᠨ ᠳᠣᠭᠤᠷᠢᠨ ᠤ ᠠᠷᠢᠭᠤᠨ ᠴᠠᠪᠡᠷ ᠢ ᠵᠠᠰᠠᠨ ᠴᠡᠭᠴᠡᠯᠡᠬᠦ ᠠᠵᠢᠯ ᠢ | ᠭᠤᠣᠯᠳᠠᠯᠭ᠎ᠠ ᠲᠠᠢ ᠠᠳᠬᠤᠨ᠂ ᠦᠨᠴᠦᠭ ᠪᠤᠯᠤᠩ᠂ ᠵᠡᠭᠡᠯᠢ ᠭᠤᠳᠣᠮᠵᠢ᠂ ᠠᠭᠤᠳᠠᠮ ᠳᠠᠯᠠᠪᠠᠢ᠂ | ᠨᠣᠭᠤᠭᠠᠷᠠᠭᠤᠯᠣᠯᠳᠠ ᠶᠢᠨ ᠭᠠᠵᠠᠷ ᠤᠨ ᠴᠡᠪᠡᠷ ᠲᠤᠬᠢᠯᠢᠭ ᠪᠠᠶᠢᠬᠤ ᠶᠢ ᠪᠠᠳᠣᠯᠠᠵᠦ᠂ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠣᠷᠴᠢᠨ ᠳᠣᠭᠤᠷᠢᠨ ᠢ ᠣᠯᠠᠮ ᠰᠠᠶᠢᠵᠢᠷᠠᠭᠤᠯᠣᠨ᠎ᠠ᠃ | ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠡᠷᠢᠶᠡᠨ ᠠᠴᠠ ᠭᠤᠸᠠᠩᠵᠸᠤ ᠬᠦᠷᠬᠦ ᠦᠨᠳᠤᠷ ᠬᠤᠷᠳᠤᠴᠠᠲᠤ ᠵᠠᠰᠠᠮᠠᠯ ᠵᠠᠮ ᠤᠨ ᠬᠤᠯᠪᠤᠬᠤ ᠱᠤᠭᠤᠮ᠂ ᠮᠤᠵᠢ ᠶᠢᠨ | ᠲᠠᠰ ᠤᠨ ᠵᠠᠮ ᠤᠨ 313 ᠱᠤᠭᠤᠮ ᠤᠨ ᠬᠦᠪᠡᠭᠡᠲᠤ ᠰᠢᠷ᠎ᠠ ᠠᠴᠠ ᠰᠢᠯᠤᠭᠤᠨ ᠴᠠᠭᠠᠨ ᠬᠦᠷᠬᠦ ᠬᠡᠰᠡᠭ ᠪᠠ ᠨᠡᠶᠢᠲᠡ | ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠢᠨᠵᠧᠨᠧᠷᠢᠩ ᠪᠠ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠨᠤᠳᠤᠭ ᠪᠡᠯᠴᠢᠭᠡᠷ ᠢ ᠳᠠᠳᠠᠪᠤᠷᠢᠯᠠᠨ ᠡᠵᠡᠯᠡᠵᠤ | ᠬᠡᠷᠡᠭᠯᠡᠬᠦ᠂ ᠭᠠᠵᠠᠷ ᠳᠠᠳᠠᠪᠤᠷᠢᠯᠠᠬᠤ᠂ ᠨᠤᠷᠠᠭᠠᠨ ᠰᠢᠯᠵᠢᠭᠦᠯᠬᠦ ᠵᠡᠷᠭᠡ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠵᠤ᠂ | ᠡᠨᠡ ᠵᠢᠯ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠤᠯᠲᠠ ᠬᠢᠬᠦ ᠪᠠᠷ ᠴᠢᠷᠮᠠᠶᠢᠨ᠎ᠠ᠃ ᠵᠢᠷᠦᠬᠡ ᠠᠴᠠ ᠬᠤᠸᠠᠳᠧ | ᠬᠦᠷᠬᠦ ᠲᠡᠮᠤᠷ ᠵᠠᠮ ᠤᠨ ᠡᠷᠳᠡ ᠡᠳᠤᠷ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠤᠯᠲᠠ ᠬᠢᠬᠦ ᠶᠢ ᠲᠦᠯᠬᠢᠨ | ᠠᠬᠢᠭᠤᠯᠤᠨ᠎ᠠ᠃ | ᠰᠤᠷᠠᠭ ᠵᠠᠩᠬᠢ ᠦᠨᠳᠤᠷ ᠬᠤᠷᠳᠤᠴᠠᠲᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠵᠢᠯ | ᠤᠨ ᠲᠤᠳᠤᠷ᠎ᠠ 4G ᠰᠠᠭᠤᠷᠢ ᠦᠷᠳᠡᠭᠡ 19 ᠶᠢ ᠰᠢᠨ᠎ᠡ ᠪᠠᠷ ᠪᠠᠶᠢᠭᠤᠯᠵᠤ᠂ ᠬᠤᠳᠠ ᠬᠦᠳᠡᠭᠡ ᠶᠢᠨ ᠷᠠᠳᠢᠤ᠋ | ᠲᠤᠯᠬᠢᠶᠠᠨ ᠤ ᠰᠦᠯᠵᠢᠶᠡᠨ ᠲᠤᠤᠷ ᠢ ᠪᠦᠬᠦ ᠲᠠᠯ᠎ᠠ ᠪᠠᠷ ᠪᠦᠷᠬᠦᠭᠦᠯᠬᠦ ᠶᠢ ᠪᠡᠶᠡᠯᠡᠭᠦᠯᠦᠨ᠎ᠡ᠃ ᠪᠦᠬᠦ ᠠᠶᠢᠮᠠᠭ ᠤᠨ | ᠲᠤᠭ᠎ᠠ ᠪᠠᠷᠢᠮᠳᠠ ᠶᠢ ᠲᠦᠪᠯᠡᠷᠡᠭᠦᠯᠦᠨ ᠬᠠᠮᠢᠶᠠᠷᠬᠤ ᠠᠵᠤ ᠦᠢᠯᠡᠰ ᠢ ᠪᠦᠲᠦᠭᠡᠨ ᠪᠠᠶᠢᠭᠤᠯᠬᠤ ᠲᠤᠬᠢᠶᠠᠯ ᠢ ᠡᠵᠡᠮᠳᠠᠨ᠂ | ᠰᠤᠷᠠᠭ ᠵᠠᠩᠬᠢ ᠶᠢᠨ ᠡᠬᠢ ᠪᠠᠶᠠᠯᠢᠭ ᠢ ᠨᠢᠭᠡᠳᠬᠡᠬᠦ᠂ ᠬᠠᠮᠳᠤᠪᠠᠷ ᠡᠳ᠋ᠯᠡᠬᠦ ᠪᠠ ᠬᠡᠷᠡᠭᠯᠡᠬᠦ ᠶᠢ ᠪᠡᠶᠡᠯᠡᠭᠦᠯᠵᠤ᠂ | ᠤᠶᠤᠨᠴᠢ ᠭᠠᠴᠠᠭ᠎ᠠ ᠪᠠ ᠤᠶᠤᠨᠴᠢ ᠨᠡᠶᠢᠭᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ | ᠴᠢᠭ ᠤᠨ ᠠᠵᠢᠯ ᠢ ᠰᠠᠶᠢᠳᠤᠷ ᠬᠢᠵᠤ᠂ ᠲᠦᠭᠦᠮ ᠳᠦᠳᠡ ᠤᠶᠤᠨᠴᠢᠯᠠᠭᠰᠠᠨ ᠠᠮᠢᠳᠤᠷᠠᠯ ᠢ ᠴᠤᠭᠴᠠᠯᠠᠨ | ᠪᠠᠶᠢᠭᠤᠯᠤᠨ᠎ᠠ᠃ | ︵ᠵᠢᠷᠭᠤᠭ᠎ᠠ︶ ᠪᠣᠭᠢᠷᠳᠦᠯ ᠦᠭᠡᠢ ᠦᠷᠭᠦᠯᠵᠢᠯᠡᠨ ᠬᠦᠭᠵᠢᠭᠦᠯᠬᠦ ᠱᠠᠭᠠᠷᠳᠠᠯᠭ᠎ᠠ ᠶᠣᠰᠣᠭᠠᠷ᠂ ᠠᠮᠢ ᠠᠬᠤᠢ ᠶᠢᠨ | ᠣᠷᠴᠢᠨ ᠳᠣᠭᠤᠷᠢᠨ ᠢ ᠬᠠᠮᠠᠭᠠᠯᠠᠬᠤ ᠪᠠᠶᠢᠭᠤᠯᠣᠯᠳᠠ ᠶᠢᠨ ᠭᠦᠴᠦᠯᠠᠴᠠ ᠪᠠᠨ ᠣᠯᠠᠮ ᠴᠢᠩᠭᠠᠳᠬᠠᠨ᠎ᠠ | ᠠᠮᠢ ᠠᠬᠤᠢ ᠶᠢᠨ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ ᠢ ᠰᠠᠶᠢᠳᠣᠷ ᠠᠳᠬᠤᠨ᠎ᠠ᠃ ᠲᠠᠯ᠎ᠠ | ᠨᠣᠳᠤᠭ ᠤᠨ ᠠᠮᠢ ᠠᠬᠤᠢ ᠶᠢᠨ ᠱᠠᠩᠨᠠᠵᠤ ᠨᠦᠬᠦᠪᠦᠷᠢᠯᠡᠬᠦ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ | ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠣᠷᠣᠨ ᠢ ᠵᠦᠢ ᠵᠣᠭᠢᠰᠲᠠᠢ | ᠬᠤᠪᠢᠶᠠᠷᠢᠯᠠᠵᠦ᠂ ᠢᠵᠢ ᠪᠦᠷᠢᠳᠦᠭᠰᠡᠨ ᠲᠦᠷᠦ ᠶᠢᠨ ᠪᠣᠳᠣᠯᠭ᠎ᠠ ᠪᠠ ᠭᠢᠨᠠᠨ ᠬᠠᠮᠢᠶᠠᠷᠬᠤ ᠲᠤᠭᠳᠠᠴᠨ ᠶᠢ ᠣᠯᠠᠮ | ᠨᠢᠭᠡ ᠠᠯᠬᠤᠮ ᠲᠡᠭᠦᠯᠳᠡᠷᠵᠢᠭᠦᠯᠦᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠠᠰᠣᠨ ᠤ ᠡᠭᠢ ᠶᠢ ᠵᠠᠰᠠᠬᠤ ᠬᠤᠶᠠᠳᠣᠭᠠᠷ | ᠬᠤᠭᠤᠴᠠᠭᠠᠨ ᠤ ᠢᠨᠵᠧᠨᠧᠷᠢᠩ ᠵᠡᠷᠭᠡ ᠭᠤᠤᠯᠳᠠᠯᠭᠠᠲᠤ ᠠᠮᠢ ᠠᠬᠤᠢ ᠶᠢᠨ ᠢᠨᠵᠧᠨᠧᠷᠢᠩ ᠢ ᠰᠠᠶᠢᠳᠣᠷ ᠭᠡᠷᠡᠭᠵᠢᠭᠦᠯᠵᠦ | ᠂ 9.6 ᠲᠦᠮᠡᠨ ᠮᠣ᠋ ᠪᠡᠭᠡᠵᠢᠩ ᠲᠢᠶᠠᠨᠵᠢᠨ ᠤ ᠰᠠᠯᠬᠢ ᠡᠯᠠᠰᠣᠨ ᠤ ᠡᠭᠢ ᠶᠢ ᠵᠠᠰᠠᠵᠦ᠂ 1000 ᠮᠣ᠋ ᠭᠤᠣᠯᠳᠠᠭᠠᠯᠲᠦ | ᠣᠷᠣᠨ ᠤ ᠨᠣᠭᠤᠭᠠᠷᠠᠭᠤᠯᠣᠯᠳᠠ ᠶᠢ ᠪᠠᠶᠠᠯᠠᠭᠦᠯᠦᠨ᠎ᠠ᠃ ᠠᠵᠦ ᠦᠢᠯᠠᠰ ᠤᠨ ᠪᠠᠶᠢᠷᠢᠰᠢᠭᠤᠯᠣᠯᠳᠠ᠂ ᠦᠢᠯᠡᠳᠦᠯ | ᠴᠢᠳᠠᠪᠬᠢ ᠶᠢᠨ ᠪᠠᠶᠢᠷᠢ ᠳᠤᠭᠳᠠᠭᠠᠯᠲᠠ᠂ ᠡᠯᠧᠮᠧᠨ᠋ᠲ ᠤᠨ ᠲᠣᠭᠢᠷᠠᠭᠤᠯᠣᠯᠳᠠ ᠵᠡᠷᠭᠡ ᠨᠦᠭᠦᠴᠠᠯ ᠢ ᠨᠢᠭᠡᠳᠦᠯᠲᠠᠢ | ᠪᠣᠳᠣᠯᠭᠢᠯᠠᠨ᠂ ᠠᠮᠢ ᠠᠬᠤᠢ ᠶᠢ ᠬᠠᠮᠠᠭᠠᠯᠠᠬᠤ ᠣᠯᠠᠭᠠᠨ ᠱᠣᠭᠤᠮ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠬᠤ ᠪᠠ | ᠠᠮᠢ ᠠᠬᠤᠢ ᠶᠢ ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ | ᠲᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠪᠠ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ | ᠳᠣᠭᠤᠷᠢᠨ ᠤ ᠴᠡᠭᠴᠡᠯᠡᠯᠲᠡ ᠶᠢ ᠴᠢᠩᠭᠠᠳᠬᠠᠨ᠎ᠠ᠃ ᠬᠠᠣᠯᠢ ᠪᠣᠰᠤ ᠪᠠᠷ ᠭᠠᠵᠠᠷ ᠢ ᠬᠠᠭᠠᠯᠪᠣᠷᠢᠯᠠᠬᠤ᠂ ᠬᠠᠣᠯᠢ ᠪᠣᠰᠣ | ᠪᠠᠷ ᠨᠣᠳᠤᠭ ᠪᠡᠯᠴᠢᠭᠡᠷ ᠢ ᠡᠵᠡᠯᠠᠨ ᠭᠡᠷᠡᠭᠯᠡᠬᠦ᠂ ᠨᠣᠳᠤᠭ ᠪᠡᠯᠴᠢᠭᠡᠷ ᠤᠨ ᠭᠡᠷᠡᠭᠴᠡᠭᠡ ᠶᠢ ᠦᠭᠡᠷᠡᠴᠢᠯᠡᠬᠦ ᠪᠠ ᠬᠠᠤᠯᠢ | ᠪᠣᠰᠣ ᠪᠠᠷ ᠲᠠᠯ᠎ᠠ ᠨᠣᠳᠤᠭ ᠤᠨ ᠪᠠᠶᠢᠭᠠᠯᠢᠯᠢᠭ ᠣᠷᠭᠤᠮᠠᠯ ᠢ ᠳᠡᠭᠦᠵᠤ ᠮᠠᠯᠳᠠᠬᠤ ᠵᠡᠷᠭᠡ ᠨᠣᠳᠤᠭ ᠪᠡᠯᠴᠢᠭᠡᠷ ᠢ | ᠡᠪᠳᠡᠭᠰᠡᠨ ᠭᠡᠷᠡᠭ ᠢ ᠪᠠᠶᠢᠴᠠᠭᠠᠨ ᠰᠢᠢᠳᠪᠦᠷᠢᠯᠡᠬᠦ ᠭᠦᠴᠦᠯᠠᠴᠠ ᠪᠠᠨ ᠴᠢᠩᠭᠠᠳᠬᠠᠵᠦ᠂ ᠲᠠᠯ᠎ᠠ ᠨᠣᠳᠤᠭ ᠤᠨ ᠠᠮᠢ | ᠠᠬᠤᠢ ᠶᠢ ᠡᠪᠳᠡᠭᠰᠡᠨ ᠦᠢᠯᠠ ᠠᠵᠢᠯᠯᠠᠭ᠎ᠠ ᠶᠢ ᠡᠷᠡᠰ ᠬᠤᠷᠢᠭᠯᠠᠨ᠎ᠠ᠃ ᠬᠠᠶ᠋ᠢᠩᠬᠢᠷᠸ᠎ᠠ ᠰᠦᠮ᠎ᠡ᠂ ᠬᠤᠩᠭᠤᠷ ᠠᠭᠤᠯᠠ | ᠵᠡᠷᠭᠡ ᠭᠤᠤᠯᠳᠠᠯᠭᠠᠲᠤ ᠦᠵᠡᠮᠵᠢ ᠶᠢᠨ ᠤᠷᠤᠨ ᠪᠠ ᠠᠮᠢ ᠠᠬᠤᠢ ᠶᠢᠨ ᠲᠤᠭᠤᠷᠢᠭ ᠢ ᠬᠠᠮᠠᠭᠠᠯᠠᠬᠤ ᠪᠠ ᠬᠠᠤᠯᠢ | ᠬᠡᠷᠡᠭᠵᠢᠭᠦᠯᠬᠦ ᠠᠵᠢᠯ ᠢ ᠰᠠᠶᠢᠳᠤᠷ ᠠᠳᠬᠤᠨ᠎ᠠ᠃ ᠲᠠᠯ᠎ᠠ ᠨᠣᠳᠤᠭ ᠤᠨ ᠣᠢ ᠰᠢᠭᠤᠢ ᠶᠢᠨ ᠭᠠᠯ ᠢ ᠰᠡᠷᠭᠡᠶᠢᠯᠡᠬᠦ ᠪᠠ | ᠬᠤᠤᠷᠲᠤ ᠠᠮᠢᠲᠦ ᠪᠣᠳᠠᠰ ᠢ ᠰᠡᠷᠭᠡᠶᠢᠯᠡᠬᠦ ᠠᠵᠢᠯ ᠢ ᠪᠦᠬᠦ ᠭᠦᠴᠦᠨ ᠢᠶᠠᠷ ᠢᠶᠠᠨ ᠰᠠᠶᠢᠳᠣᠷ ᠭᠢᠨ᠎ᠠ᠃ ᠵᠠᠰᠠᠮᠠᠯ ᠵᠠᠮ ᠤᠨ | ᠬᠤᠶᠠᠷ ᠬᠠᠵᠠᠭᠤ ᠶᠢᠨ ᠭᠠᠵᠠᠷ ᠤᠷᠤᠨ ᠤ ᠣᠷᠴᠢᠨ ᠳᠣᠭᠤᠷᠢᠨ ᠢ ᠴᠡᠭᠴᠡᠯᠡᠬᠦ ᠪᠠ ᠲᠡᠮᠦᠷᠯᠢᠭ ᠤᠨ ᠪᠣᠰᠣ ᠠᠭᠤᠷᠬᠠᠢ | ᠶᠢ ᠨᠢᠭᠡᠳᠦᠭᠦᠯᠦᠨ ᠴᠡᠭᠴᠡᠯᠡᠬᠦ ᠲᠦᠷᠦᠯ ᠵᠦᠢᠯ ᠢ ᠰᠠᠶᠢᠳᠣᠷ ᠭᠡᠷᠡᠭᠵᠢᠭᠦᠯᠦᠨ᠎ᠡ᠃ ᠠᠭᠤᠷᠬᠠᠢ ᠶᠢᠨ ᠤᠷᠴᠢᠨ | ᠳᠣᠭᠤᠷᠢᠨ ᠪᠠ ᠬᠠᠶᠠᠭᠳᠠᠮᠠᠯ ᠠᠭᠤᠷᠬᠠᠢ ᠶᠢᠨ ᠴᠢᠭ ᠢ ᠴᠡᠭᠴᠡᠯᠡᠬᠦ᠂ ᠲᠤᠭᠤᠰᠬᠠᠨ ᠤ ᠦᠢᠯᠡᠳᠪᠦᠷᠢ ᠶᠢᠨ ᠡᠷᠬᠢᠨ | ᠲᠤᠭᠤᠷᠢᠨ ᠢ ᠴᠡᠭᠴᠡᠯᠡᠬᠦ ᠵᠢᠴᠢ ᠴᠢᠯᠠᠭᠤᠨ ᠮᠠᠲ᠋ᠧᠷᠢᠶᠠᠯ ᠤᠨ ᠬᠠᠶᠠᠭᠳᠠᠮᠠᠯ ᠪᠤᠳᠠᠰ ᠤᠨ ᠳᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠨ᠎ᠠ᠃ | ᠣᠰᠣᠨ ᠤ ᠡᠭᠢ ᠰᠣᠷᠪᠣᠯᠵᠢ ᠶᠢᠨ ᠬᠠᠮᠢᠶᠠᠷᠤᠯᠲᠠ ᠪᠠ ᠡᠨᠧᠷᠭᠢ ᠶᠢ ᠠᠷᠪᠢᠯᠠᠨ ᠪᠣᠭᠢᠷᠳᠣᠯ ᠢ ᠪᠠᠭᠠᠰᠬᠠᠬᠤ | ᠠᠵᠢᠯ ᠢ ᠰᠠᠶᠢᠳᠣᠷ ᠠᠳᠬᠤᠨ᠎ᠠ᠃ ᠤᠰᠤ ᠬᠡᠷᠡᠭᠯᠡᠬᠦ ᠶᠡᠷᠥᠩᠭᠡᠢ ᠬᠡᠮᠵᠢᠶ᠎ᠠ ᠶᠢ ᠬᠢᠵᠠᠭᠠᠷᠯᠠᠬᠤ᠂ ᠤᠰᠤ ᠬᠡᠷᠡᠭᠯᠡᠬᠦ | ᠨᠤᠷᠮ᠎ᠠ ᠶᠢ ᠬᠢᠵᠠᠭᠠᠷᠯᠠᠬᠤ ᠪᠠ ᠤᠰᠤᠨ ᠤ ᠴᠢᠲᠠᠪᠬᠢᠲᠥ ᠤᠷᠤᠨ ᠤ ᠪᠤᠬᠢᠷᠲᠤᠯ ᠢ ᠬᠢᠵᠠᠭᠠᠷᠯᠠᠬᠤ ᠵᠡᠷᠭᠡ ︽ᠭᠤᠷᠪᠠ ᠶᠢ | ᠬᠢᠵᠠᠭᠠᠷᠯᠠᠬᠤ︾ ᠲᠥᠷᠢᠮ ᠢ ᠴᠢᠩᠭ᠎ᠠ ᠬᠡᠷᠡᠭᠵᠢᠭᠦᠯᠦᠨ᠂ ᠣᠰᠣᠨ ᠤ ᠡᠭᠢ ᠪᠠᠶᠠᠯᠢᠭ ᠢ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠠᠵᠦ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠦᠭᠡᠭᠡᠪᠦᠷᠢ᠂ ᠣᠯᠠᠨ ᠨᠠᠶᠢᠳᠠ ᠶᠢᠨ | ᠪᠠᠶᠢᠭᠤᠯᠣᠮᠵᠢ ᠵᠡᠷᠭᠡ ᠭᠦᠷᠢᠶ᠎ᠠ ᠭᠡᠪᠴᠢᠶᠠᠨ ᠳᠠᠬᠢ ᠡᠨᠧᠷᠭᠢ ᠶᠢ ᠠᠷᠪᠢᠯᠠᠨ ᠬᠤᠷᠤᠭᠳᠠᠯ ᠢ ᠪᠠᠭᠠᠰᠬᠠᠬᠤ ᠶᠢ ᠲᠣᠪᠣᠶᠢᠮ᠎ᠠ | ᠠᠳᠬᠤᠨ᠎ᠠ᠃ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠶᠢᠨ ᠣᠷᠴᠢᠨ ᠳᠣᠭᠤᠷᠢᠨ ᠳᠤ ᠦᠵᠡᠭᠦᠯᠬᠦ ᠨᠦᠯᠦᠭᠡ | ᠶᠢ ᠦᠨᠡᠯᠡᠬᠦ ᠪᠠ ︽ᠭᠤᠷᠪᠠ ᠶᠢ ᠵᠡᠷᠭᠡ ᠳᠤᠨᠢ ᠪᠠᠶᠢᠯᠭᠠᠬᠤ︾ ᠲᠦᠷᠢᠮ ᠢ ᠨᠠᠷᠢᠨ ᠭᠢᠨᠠᠭᠠᠮᠠᠢ ᠭᠡᠷᠡᠭᠵᠢᠭᠦᠯᠵᠦ᠂ | ᠭᠤᠤᠯᠳᠠᠯᠭᠠᠲᠤ ᠠᠵᠢᠯ ᠲᠦᠷᠦᠯ ᠪᠠ ᠬᠤᠷᠣᠭᠳᠠᠯ ᠶᠡᠭᠡᠲᠠᠢ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯ ᠪᠠ | ᠲᠦᠭᠦᠭᠡᠷᠦᠮᠵᠢ ᠶᠢ ᠠᠰᠢᠭᠯᠠᠬᠤ ᠶᠢ ᠵᠣᠷᠢᠭᠵᠢᠭᠤᠯᠤᠨ᠂ ︽ᠭᠤᠷᠪᠠᠨ ᠬᠠᠶᠠᠭᠳᠠᠮᠠᠯ︾ ᠢ ᠰᠢᠢᠳᠪᠣᠷᠢᠯᠡᠬᠦ ᠶᠢᠨ | ᠳᠣᠭᠤᠷᠢᠨ ᠳᠤ᠂ ᠪᠣᠭᠢᠷᠳᠣᠯ ᠢ ᠪᠠᠭᠠᠰᠬᠠᠬᠤ ᠡᠯ᠎ᠡ ᠲᠦᠷᠦᠯ ᠤᠨ ᠠᠷᠭ᠎ᠠ ᠠᠪᠴᠠᠯ ᠢ ᠨᠠᠷᠢᠨ ᠭᠢᠨᠠᠮᠠᠭᠠᠢ | ᠨᠠᠶᠢᠳᠠᠪᠣᠷᠢᠵᠢᠭᠤᠯᠵᠦ᠂ ᠡᠨᠧᠷᠭᠢ ᠶᠢ ᠠᠷᠪᠢᠯᠠᠨ ᠪᠣᠭᠢᠷᠳᠣᠯ ᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ | ᠪᠠᠶᠠᠯᠡᠭᠦᠯᠦᠨ᠎ᠠ᠃ | ︵ᠳᠣᠯᠤᠭ᠎ᠠ︶ ᠭᠦᠭᠵᠢᠯᠳᠡ ᠶᠢᠨ ᠦᠷ᠎ᠡ ᠪᠦᠲᠦᠭᠡᠯ ᠢ ᠬᠠᠮᠲᠤᠪᠡᠷ ᠡᠳ᠋ᠯᠡᠬᠦ ᠱᠠᠭᠠᠷᠳᠠᠯᠭ᠎ᠠ ᠶᠣᠰᠣᠭᠠᠷ᠂ ᠨᠡᠶᠢᠭᠡᠮ | ᠤᠨ ᠠᠵᠢᠯ ᠦᠢᠯᠡᠰ ᠤᠨ ᠬᠦᠭᠵᠢᠯᠲᠡ ᠪᠠ ᠠᠷᠠᠳ ᠤᠨ ᠠᠮᠢᠳᠣᠷᠠᠯ ᠤᠨ ᠭᠢᠷᠢ ᠲᠦᠪᠰᠢᠨ ᠢ ᠣᠯᠠᠮ | ᠲᠡᠭᠡᠭᠰᠢᠯᠡᠭᠦᠯᠦᠨ᠎ᠡ᠃ | ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠦᠢᠯᠡᠰ ᠢ ᠤᠷᠢᠳᠠᠪᠠᠷ ᠬᠦᠭᠵᠢᠭᠦᠯᠦᠨ᠎ᠡ᠃ ︽ᠰᠠᠭᠤᠷᠢ | ᠰᠣᠷᠭᠠᠨ ᠭᠦᠮᠦᠵᠢᠯ ᠤᠨ ᠶᠠᠰᠣ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ︾ ᠶᠢ ᠦᠷᠭᠦᠯᠵᠢᠯᠠᠨ ᠭᠡᠷᠡᠭᠵᠢᠭᠦᠯᠵᠦ᠂ ᠮᠤᠩᠭᠤᠯ ᠳᠤᠮᠳᠠᠳᠤ ᠰᠣᠷᠭᠠᠭᠤᠯᠢ ᠪᠤᠯᠤᠨ ᠶᠡᠷᠦᠩᠬᠡᠶᠢᠯᠡᠭᠰᠡᠨ | ᠦᠨᠳᠤᠷ ᠳᠤᠮᠳᠠᠳᠦ ᠰᠤᠷᠭᠠᠭᠤᠯᠢ ᠶᠢᠨ ᠪᠡᠶ᠎ᠡ ᠳᠠᠮᠢᠷ ᠤᠨ ᠤᠷᠳᠤᠨ ᠢ ᠪᠠᠶᠢᠭᠤᠯᠵᠤ᠂ ᠬᠤᠶᠠᠳᠤᠭᠠᠷ ᠪᠠᠭ᠎ᠠ | ᠰᠤᠷᠭᠠᠭᠤᠯᠢ ᠶᠢᠨ ᠬᠦᠳᠡᠯᠪᠤᠷᠢ ᠶᠢᠨ ᠳᠠᠯᠠᠪᠤᠷ ᠤᠨ ᠪᠠᠶᠢᠭᠤᠯᠤᠯᠲᠠ ᠶᠢᠨ ᠲᠦᠷᠦᠯ ᠵᠦᠢᠯ ᠢ ᠤᠯᠬᠤ ᠪᠠᠷ ᠴᠢᠷᠮᠠᠶᠢᠨ | ᠲᠡᠮᠡᠴᠡᠵᠦ᠂ ᠪᠠᠭᠰᠢ ᠶᠢᠨ ᠡᠩᠨᠡᠭᠡᠨ ᠤ ᠪᠣᠯᠪᠠᠰᠣᠷᠠᠯ ᠪᠠ ᠪᠠᠴᠢᠮ ᠲᠣᠲᠠᠭᠲᠠᠵᠤ ᠪᠠᠶᠢᠭ᠎ᠠ ᠠᠵᠢᠯ ᠤᠨ ᠪᠠᠶᠢᠷᠢ ᠳᠤ | ᠪᠠᠭᠰᠢ ᠡᠯᠰᠡᠬᠦ ᠠᠵᠢᠯ ᠢ ᠰᠠᠶᠢᠳᠣᠷ ᠭᠢᠵᠦ᠂ ᠪᠠᠭᠰᠢ ᠶᠢᠨ ᠡᠩᠨᠡᠭᠡᠨ ᠤ ᠶᠡᠷᠦᠩᠭᠡᠶᠢᠯᠡᠭᠰᠡᠨ ᠭᠡᠪ ᠴᠢᠨᠠᠷ ᠢ ᠣᠯᠠᠮ | ᠲᠡᠭᠡᠭᠰᠢᠯᠡᠭᠦᠯᠦᠨ᠂ ᠪᠠᠭᠰᠢ ᠶᠢᠨ ᠮᠡᠷᠭᠡᠵᠢᠯ ᠤᠨ ᠴᠣᠯᠠ ᠶᠢ ᠦᠨᠡᠯᠠᠨ ᠤᠷᠢᠵᠤ ᠬᠡᠷᠡᠭᠯᠡᠬᠦ ᠠᠷᠭ᠎ᠠ ᠳᠤ ᠦᠭᠡᠷᠡᠴᠢᠯᠡᠯᠲᠡ | ᠬᠢᠵᠤ ᠲᠡᠭᠦᠯᠳᠡᠷᠵᠢᠭᠦᠯᠦᠨ᠂ ᠰᠣᠷᠭᠠᠨ ᠭᠦᠮᠦᠵᠢᠯ ᠤᠨ ᠵᠢᠭᠠᠨ ᠰᠣᠷᠭᠠᠬᠤ ᠶᠠᠰᠣ ᠴᠢᠨᠠᠷ ᠢ ᠯᠠᠪᠳᠠᠭᠤᠨ ᠢᠶᠠᠷ | ᠲᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ᠢ ᠲᠡᠯᠭᠡᠷᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠠ ᠮᠡᠷᠭᠡᠵᠢᠯ᠂ | ᠰᠢᠨ᠎ᠠ ᠪᠦᠳᠦᠭᠡᠭᠳᠡᠭᠦᠨ ᠢ ᠣᠷᠣᠭᠤᠯᠣᠨ ᠲᠡᠯᠭᠡᠷᠡᠭᠦᠯᠬᠦ ᠭᠦᠴᠦᠯᠠᠴᠠ ᠪᠠᠨ ᠴᠢᠩᠭᠠᠳᠬᠠᠨ᠎ᠠ᠃ | ᠰᠣᠶᠣᠯ ᠪᠠᠶ᠎ᠠ ᠲᠡᠮᠢᠷ ᠤᠨ ᠦᠢᠯᠠᠰ ᠤᠨ ᠬᠦᠭᠵᠢᠯᠲᠡ ᠶᠢ ᠲᠦᠷᠭᠡᠳᠬᠡᠨ᠎ᠡ᠃ ᠰᠣᠮᠣ ᠪᠠᠯᠭᠠᠰᠣᠨ ᠤ | ᠶᠡᠷᠦᠩᠭᠡᠶᠢᠯᠡᠭᠰᠡᠨ ᠰᠣᠶᠣᠯ ᠤᠨ ᠦᠷᠳᠡᠭᠡ᠂ ᠭᠠᠴᠠᠭᠠᠨ ᠤ ᠰᠣᠶᠣᠯ ᠤᠨ ᠬᠦᠳᠡᠯᠪᠦᠷᠢ ᠶᠢᠨ ᠳᠠᠰᠤᠭ ᠪᠠ ︽ᠲᠠᠯ᠎ᠠ | ᠨᠣᠳᠤᠭ ᠤᠨ ᠨᠣᠮ ᠤᠨ ᠦᠷᠦᠭᠡ︾ ᠶᠢᠨ ᠦᠢᠯᠡᠳᠦᠯ ᠢ ᠭᠦᠢᠴᠠᠳ ᠪᠠᠳᠠᠷᠠᠭᠤᠯᠵᠦ᠂ ᠰᠣᠶᠣᠯ ᠰᠣᠷᠠᠭ ᠵᠠᠩᠭᠢ ᠶᠢᠨ | ᠡᠭᠢ ᠪᠠᠶᠠᠯᠢᠭ ᠢ ᠬᠠᠮᠳᠣᠪᠠᠷ ᠡᠳ᠋ᠯᠡᠬᠦ ᠢᠨᠵᠧᠨᠧᠷᠢᠩ ᠢ ᠰᠠᠶᠢᠳᠣᠷ ᠭᠡᠷᠡᠭᠵᠢᠭᠦᠯᠦᠨ᠎ᠡ᠃ ︽ᠤᠩᠭᠤᠨ ᠰᠠᠭᠠᠷᠠᠯ︾ | ᠪᠦᠵᠢᠭᠲᠦ ᠵᠦᠴᠦᠭᠡ᠂ ︽ᠠᠰᠠᠷ︾ ᠠᠶᠠᠯᠭᠤ ᠶᠢᠨ ᠳᠠᠭᠤᠯᠠᠯᠲᠦ ᠵᠦᠴᠦᠭᠡ᠂ ︽ᠣᠷᠳᠣᠨ ᠤ ᠨᠠᠶᠢᠷᠠᠯ︾ | ᠳᠠᠭᠤᠯᠠᠯᠲᠦ ᠵᠦᠴᠦᠭᠡ ᠶᠢ ᠳᠣᠭᠯᠠᠬᠤ ᠭᠢᠷᠢ ᠲᠦᠪᠰᠢᠨ ᠢ ᠣᠯᠠᠮ ᠳᠡᠭᠡᠭᠰᠢᠯᠡᠭᠦᠯᠦᠨ᠎ᠡ᠃ ᠴᠠᠭᠠᠨ ᠰᠦᠯᠳᠠ ᠶᠢᠨ | ᠲᠡᠭᠢᠯᠭ᠎ᠠ᠂ ᠰᠢᠳᠠᠷ᠎ᠠ ᠶᠢᠨ ᠣᠷᠣᠯᠳᠣᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠡᠷᠭᠢᠯᠠᠨ ᠶᠪᠣᠭᠳᠠᠭᠤᠯᠣᠨᠠ᠃ | ᠪᠦᠬᠦ ᠠᠶᠢᠮᠠᠭ ᠤᠨ ᠦᠨᠳᠦᠰᠦᠲᠡᠨ ᠤ ᠬᠤᠪᠴᠠᠰᠤ ᠵᠠᠰᠠᠯ ᠤᠨ ᠤᠷᠤᠯᠳᠤᠭᠠᠨ ᠪᠠ ᠡᠯ᠎ᠡ ᠲᠦᠷᠦᠯ ᠤᠨ ᠲᠠᠮᠢᠷ ᠤᠨ | ᠣᠷᠣᠯᠳᠣᠭᠠᠨ ᠢ ᠢᠳᠡᠪᠭᠢᠲᠠᠢ ᠳᠠᠭᠠᠭᠠᠴᠢᠯᠠᠨ ᠡᠷᠬᠢᠯᠡᠵᠤ᠂ ᠪᠦᠬᠦ ᠠᠷᠠᠳ ᠤᠨ ᠪᠠᠶ᠎ᠠ ᠴᠢᠭᠢᠷᠠᠭᠵᠢᠭᠤᠯᠬᠤ ᠪᠠ ᠤᠯᠠᠨ | ᠲᠦᠮᠡᠨᠴᠢ ᠰᠤᠶᠤᠯ ᠲᠠᠮᠢᠷ ᠤᠨ ᠠᠵᠢᠯᠯᠠᠭ᠎ᠠ ᠶᠢ ᠵᠣᠭᠢᠶᠠᠨ ᠪᠠᠶᠢᠭᠤᠯᠤᠨ ᠦᠷᠨᠢᠭᠦᠯᠦᠨ᠎ᠡ᠃ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠢ ᠪᠦᠬᠦ ᠲᠠᠯ᠎ᠠ ᠪᠠᠷ ᠭᠦᠭᠵᠢᠭᠦᠯᠦᠨ᠎ᠡ᠃ ᠠᠯᠪᠠᠨ | ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠠᠯᠳᠠ ᠶᠢ ᠲᠦᠯᠭᠢᠨ ᠠᠭᠢᠭᠤᠯᠵᠦ᠂ ᠡᠷᠡᠬᠦᠯ | ᠬᠠᠮᠠᠭᠠᠯᠠᠯ ᠤᠨ ᠶᠡᠰᠤ ᠴᠢᠨᠠᠷ ᠢ ᠲᠡᠬᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ ᠶᠢ ᠬᠦᠨᠵᠡᠬᠡᠢ | ᠬᠡᠷᠡᠭᠵᠢᠬᠦᠯᠵᠤ᠂ ᠡᠮ ᠡᠮᠨᠡᠯᠬᠡ ᠶᠢᠨ ᠠᠵᠢᠯᠲᠠᠨ ᠤ ᠪᠤᠯᠪᠠᠰᠤᠷᠠᠯ ᠪᠠ ᠲᠤᠰᠬᠠᠢ ᠮᠡᠷᠬᠡᠵᠢᠯ ᠤᠨ ᠴᠢᠲᠠᠪᠤᠷᠢᠲᠠᠨ ᠢ | ᠲᠠᠲᠠᠨ ᠤᠷᠤᠭᠤᠯᠬᠤ ᠶᠢ ᠰᠠᠶᠢᠲᠤᠷ ᠠᠳᠬᠤᠵᠤ᠂ ᠴᠦᠮ᠎ᠡ ᠶᠢᠨ ᠰᠤᠷᠢᠨᠵᠢᠨ ᠳᠡᠷᠪᠢᠯᠲᠡ ᠶᠢᠨ ᠮᠠᠰᠢᠨ᠂ ᠲᠡᠷᠢᠭᠦᠨ ᠤ | ᠠᠦ᠋ᠲᠴᠢᠯᠠᠭᠰᠠᠨ ᠮᠠᠰᠢᠨ ᠵᠡᠷᠭᠡ ᠡᠮᠨᠡᠯᠭᠡ ᠶᠢᠨ ᠮᠠᠰᠢᠨ ᠲᠦᠭᠦᠭᠡᠷᠦᠮᠵᠢ ᠶᠢ ᠰᠢᠨᠡᠳᠭᠡᠨ᠂ ᠡᠮ ᠡᠮᠨᠡᠯᠭᠡ ᠶᠢᠨ | ᠦᠢᠯᠡᠴᠢᠯᠡᠭᠡᠨ ᠤ ᠶᠠᠰᠣ ᠴᠢᠨᠠᠷ ᠪᠠ ᠭᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠮᠣᠩᠭᠤᠯ | ᠡᠮᠴᠢ ᠶᠢᠨ ᠳᠣᠰᠬᠠᠢ ᠰᠠᠯᠠᠭᠠᠨ ᠤ ᠪᠠᠶᠢᠭᠤᠯᠣᠯᠳᠠ ᠶᠢ ᠣᠯᠠᠮ ᠲᠡᠭᠦᠯᠳᠡᠷᠵᠢᠭᠦᠯᠦᠨ ᠴᠢᠩᠭᠠᠳᠬᠠᠵᠦ᠂ ᠮᠣᠩᠭᠤᠯ | ᠭᠢᠳᠠᠳ ᠡᠮ ᠤᠨ ᠭᠡᠷᠡᠭᠯᠡᠭᠡᠨ ᠤ ᠮᠡᠷᠭᠡᠵᠢᠯ ᠢ ᠲᠡᠯᠭᠡᠷᠡᠭᠦᠯᠬᠦ ᠠᠵᠢᠯ ᠢ ᠰᠠᠶᠢᠳᠣᠷ ᠭᠢᠵᠦ᠂ ᠮᠣᠩᠭᠤᠯ ᠭᠢᠳᠠᠳ ᠡᠮ ᠤᠨ | ᠶᠡᠷᠦᠩᠭᠡᠶᠢᠯᠡᠭᠰᠡᠨ ᠦᠢᠯᠡᠴᠢᠯᠡᠭᠡᠨ ᠤ ᠴᠢᠳᠠᠪᠣᠷᠢ ᠶᠢ ᠲᠡᠭᠡᠭᠰᠢᠯᠡᠭᠦᠯᠦᠨ᠎ᠡ᠃ ᠭᠢᠵᠢᠭ ᠡᠪᠡᠳᠴᠢᠨ ᠢ ᠣᠷᠢᠳᠴᠢᠯᠠᠨ | ᠰᠠᠷᠭᠡᠶᠢᠯᠡᠬᠦ᠂ ᠡᠭᠡ ᠨᠢᠯᠬᠠᠰ ᠤᠨ ᠡᠷᠡᠭᠦᠯᠵᠢᠯ ᠢ ᠪᠠᠳᠤᠯᠠᠬᠤ ᠪᠠ ᠡᠷᠡᠭᠦᠯ ᠬᠠᠮᠠᠭᠠᠯᠠᠯ ᠤᠨ ᠬᠢᠨᠠᠯᠲᠠ | ᠬᠠᠮᠢᠶᠠᠷᠣᠯᠳᠠ ᠶᠢᠨ ᠠᠵᠢᠯ ᠢ ᠣᠯᠠᠮ ᠴᠢᠩᠭᠠᠳᠬᠠᠨ᠎ᠠ᠃ ᠮᠠᠯᠴᠢᠳ ᠲᠤ ᠦᠨ᠎ᠡ ᠲᠦᠯᠦᠪᠦᠷᠢ ᠦᠭᠡᠢ ᠪᠠᠷ ᠪᠡᠶ᠎ᠡ ᠶᠢᠨ | ᠪᠠᠶᠢᠴᠠᠭᠠᠯᠳᠠ ᠬᠢᠬᠦ ᠠᠵᠢᠯ ᠢ ᠦᠷᠭᠦᠯᠵᠢᠯᠠᠨ ᠦᠷᠨᠢᠭᠦᠯᠵᠦ᠂ 1000 ᠡᠮ ᠤᠨ ᠬᠠᠶᠢᠷᠴᠠᠭ ᠢ ᠲᠠᠷᠬᠠᠭᠠᠨ᠎ᠠ᠃ | ᠣᠯᠣᠰ ᠤᠨ ᠲᠠᠰ ᠤᠨ ᠠᠷᠢᠭᠤᠨ ᠴᠡᠪᠠᠷ ᠬᠤᠳᠠ ᠪᠠᠯᠭᠠᠰᠣ ᠪᠠᠷ ᠮᠡᠳᠡᠭᠦᠯᠬᠦ ᠪᠠᠯᠡᠳᠭᠡᠯ ᠠᠵᠢᠯ ᠢ ᠪᠦᠬᠦ | ᠭᠦᠴᠦᠨ ᠢᠶᠠᠷ ᠢᠶᠠᠨ ᠰᠠᠶᠢᠳᠣᠷ ᠭᠢᠨ᠎ᠠ᠃ ᠦᠷᠡᠵᠢᠯ ᠤᠨ ᠲᠦᠷᠦ ᠶᠢᠨ ᠪᠣᠳᠣᠯᠭ᠎ᠠ ᠶᠢ ᠨᠠᠷᠢᠨ ᠭᠢᠨᠠᠮᠠᠭᠠᠢ | ᠨᠠᠶᠢᠳᠠᠪᠣᠷᠢᠵᠢᠭᠤᠯᠵᠦ᠂ ᠲᠦᠯᠦᠪᠯᠡᠭᠡᠲᠤ ᠦᠷᠡᠵᠢᠯ ᠤᠨ ᠦᠢᠯᠡᠴᠢᠯᠡᠭᠡᠨ ᠤ ᠠᠵᠢᠯ ᠢ ᠰᠠᠶᠢᠳᠤᠷ ᠬᠢᠵᠤ᠂ ᠭᠦᠮᠦᠨ | ᠠᠮᠠ ᠶᠢᠨ ᠭᠡᠪ ᠴᠢᠨᠠᠷ ᠢ ᠲᠡᠭᠡᠭᠰᠢᠯᠡᠭᠦᠯᠦᠨ᠎ᠡ᠃ | ᠦᠢᠯᠠᠰ ᠪᠤᠰᠬᠠᠨ ᠠᠵᠢᠯ ᠤᠯᠭᠤᠬᠤ ᠢᠨᠵᠧᠨᠧᠷᠢᠩ ᠢ ᠯᠠᠪᠳᠠᠭᠤᠨ ᠪᠠᠳᠣᠲᠠᠢ ᠲᠦᠯᠭᠢᠨ ᠠᠭᠢᠭᠤᠯᠣᠨ᠎ᠠ᠃ | ᠠᠵᠢᠯ ᠤᠯᠭᠤᠯᠲᠠ ᠶᠢᠨ ᠲᠦᠷᠦ ᠶᠢᠨ ᠪᠣᠳᠣᠯᠭ᠎ᠠ ᠶᠢ ᠢᠳᠡᠪᠬᠢᠲᠠᠢ ᠭᠡᠷᠡᠭᠵᠢᠭᠦᠯᠦᠨ᠂ ᠨᠡᠶᠢᠲᠡ ᠶᠢᠨ ᠠᠰᠢᠭᠲᠤ | ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠬᠦ ᠪᠠ ᠬᠤᠳᠠᠯᠳᠣᠨ ᠠᠪᠴᠦ᠂ ᠠᠵᠢᠯ ᠤᠯᠭᠤᠨ ᠦᠢᠯᠠᠰ ᠪᠤᠰᠬᠠᠬᠤ | ᠰᠠᠭᠤᠷᠢᠨ ᠢ ᠪᠠᠶᠢᠭᠤᠯᠵᠦ᠂ ᠶᠡᠭᠡ ᠰᠣᠷᠭᠠᠭᠤᠯᠢ ᠠᠴᠠ ᠲᠡᠭᠦᠰᠦᠭᠰᠡᠨ ᠣᠶᠣᠳᠠᠨ᠂ ᠢᠯᠠᠩᠭᠤᠶ᠎ᠠ ᠮᠣᠩᠭᠤᠯ ᠢᠶᠠᠷ | ᠬᠢᠴᠢᠶᠡᠯᠯᠡᠭᠰᠡᠨ ᠪᠠ ᠶᠠᠳᠠᠭᠤ ᠭᠦᠴᠢᠷᠳᠠᠯᠲᠠᠢ ᠭᠡᠷ ᠪᠦᠯᠢ ᠶᠢᠨ ᠲᠡᠭᠦᠰᠦᠭᠰᠡᠨ ᠤᠶᠤᠳᠠᠳ ᠤᠨ ᠠᠵᠢᠯ ᠣᠯᠭᠤᠯᠳᠠ ᠶᠢ | ᠠᠬᠢᠭᠤᠯᠤᠨ᠂ ᠬᠤᠳᠠ ᠣᠷᠣᠭᠰᠠᠨ ᠮᠠᠯᠴᠢᠳ ᠪᠠ ᠬᠤᠳᠠ ᠪᠠᠯᠭᠠᠰᠣᠨ ᠤ ᠠᠵᠢᠯ ᠣᠯᠬᠤ ᠳᠤ ᠭᠦᠴᠢᠷᠳᠡᠵᠦ ᠪᠠᠶᠢᠭ᠎ᠠ | ᠭᠦᠮᠦᠰ ᠤᠨ ᠠᠵᠢᠯ ᠤᠯᠭᠤᠯᠲᠠ ᠶᠢ ᠨᠢᠭᠡᠳᠦᠯᠲᠠᠢ ᠲᠦᠯᠦᠪᠵᠢᠭᠦᠯᠦᠨ᠎ᠠ᠃ ᠦᠢᠯᠠᠰ ᠪᠤᠰᠬᠠᠬᠤ ᠰᠠᠭᠤᠷᠢ ᠮᠦᠩᠭᠦ ᠶᠢ | ᠤᠯᠠᠮ ᠳᠡᠭᠦᠯᠳᠡᠷᠵᠢᠭᠦᠯᠦᠨ᠂ ᠦᠢᠯᠠᠰ ᠪᠤᠰᠬᠠᠬᠤ ᠪᠠᠳᠣᠯᠠᠭᠠᠨ ᠤ ᠵᠢᠭᠡᠯᠡᠯᠭᠡ ᠶᠢ 1000 ᠲᠦᠮᠡᠨ ᠲᠦᠭᠦᠷᠢᠭ | ᠳᠠᠷᠬᠠᠭᠠᠵᠤ᠂ 600 ᠭᠦᠮᠦᠨ ᠢ ᠳᠠᠭᠠᠭᠤᠯᠤᠨ ᠠᠵᠢᠯ ᠣᠯᠭᠤᠨ᠎ᠠ᠃ 1000 ᠭᠦᠮᠦᠨ ᠢ ᠮᠡᠷᠭᠡᠵᠢᠯ ᠤᠨ | ᠪᠣᠯᠪᠠᠰᠣᠷᠠᠯ ᠳᠤ ᠣᠷᠣᠯᠴᠠᠭᠤᠯᠣᠨ᠂ 120 ᠭᠦᠮᠦᠨ ᠳᠤ ᠦᠢᠯᠠᠰ ᠪᠤᠰᠬᠠᠬᠤ ᠪᠣᠯᠪᠠᠰᠣᠷᠠᠯ ᠬᠦᠷᠳᠡᠭᠡᠨ᠎ᠡ᠃ ᠳᠣᠮᠳᠠ | ᠪᠠᠭ᠎ᠠ ᠠᠵᠦ ᠠᠬᠤᠶᠢᠯᠠᠯ ᠤᠨ ᠠᠵᠢᠯ ᠤᠨ ᠪᠠᠶᠢᠷᠢ ᠬᠠᠩᠭᠠᠬᠤ ᠴᠢᠳᠠᠪᠤᠷᠢ ᠶᠢ ᠨᠡᠮᠡᠭᠳᠡᠭᠦᠯᠵᠤ᠂ ᠭᠦᠳᠠᠯᠮᠦᠷᠢᠴᠢᠳ ᠤᠨ | ᠦᠪᠡᠷᠳᠡᠭᠡᠨ ᠠᠵᠢᠯ ᠰᠣᠩᠭᠤᠬᠤ᠂ ᠵᠠᠬ᠎ᠠ ᠲᠠᠯᠭᠡᠭᠦᠷ ᠤᠨ ᠲᠣᠭᠢᠷᠠᠭᠤᠯᠭ᠎ᠠ ᠪᠠᠷ ᠠᠵᠢᠯ ᠣᠯᠬᠤ ᠪᠠ ᠵᠠᠰᠠᠭ ᠤᠨ | ᠣᠷᠳᠣᠨ ᠠᠴᠠ ᠠᠵᠢᠯ ᠤᠯᠭᠤᠬᠤ ᠶᠢ ᠠᠭᠢᠭᠤᠯᠬᠤ ᠣᠷᠲᠦ ᠬᠤᠭᠤᠴᠠᠭᠠᠨ ᠤ ᠲᠤᠭᠳᠠᠴᠨ ᠶᠢ ᠪᠦᠷᠢᠨᠰᠢᠭᠦᠯᠦᠨ᠎ᠠ᠃ | ᠠᠵᠢᠯ ᠣᠯᠣᠭᠠᠳᠤᠢ ᠭᠡᠷ ᠪᠦᠯᠢ ᠳᠤ ᠠᠵᠢᠯ ᠤᠯᠭᠤᠯᠲᠠ ᠶᠢ ᠪᠡᠶᠡᠯᠡᠭᠦᠯᠬᠦ ᠶᠢ ᠪᠠᠳᠤᠯᠠᠨ᠂ ᠬᠤᠳᠠ ᠪᠠᠯᠭᠠᠰᠣᠨ ᠤ | 900 ᠭᠦᠮᠦᠨ ᠳᠤ ᠰᠢᠨ᠎ᠠ ᠪᠠᠷ ᠠᠵᠢᠯ ᠣᠯᠭᠤᠵᠦ᠂ ᠬᠤᠳᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ | ᠠᠯᠳᠠᠭᠰᠠᠳ ᠤᠨ ᠨᠣᠷᠮ᠎ᠠ ᠶᠢ 3.2% ᠤᠨ ᠳᠣᠳᠣᠷ᠎ᠠ ᠭᠢᠵᠠᠭᠠᠷᠯᠠᠨ᠎ᠠ᠃ | ᠨᠡᠶᠢᠭᠡᠮ ᠤᠨ ᠪᠠᠳᠣᠯᠠᠭᠠᠨ ᠤ ᠰᠢᠰᠲ᠋ᠧᠮ ᠢ ᠣᠯᠠᠮ ᠲᠡᠭᠦᠯᠳᠡᠷᠵᠢᠭᠦᠯᠦᠨ᠎ᠠ᠃ ᠪᠦᠬᠦ ᠠᠷᠠᠳ ᠢᠶᠠᠷ ᠢᠶᠠᠨ | ᠪᠠᠳᠣᠯᠠᠭᠠᠨ ᠳᠤ ᠣᠷᠣᠬᠤ ᠲᠦᠯᠦᠪᠯᠡᠭᠡ ᠶᠢ ᠭᠡᠷᠡᠭᠵᠢᠭᠦᠯᠵᠦ᠂ ᠨᠡᠶᠢᠭᠡᠮ ᠤᠨ ᠪᠠᠳᠣᠯᠠᠭᠠᠨ ᠤ ᠪᠦᠷᠬᠦᠴᠨ ᠶᠢᠨ | ᠭᠡᠪᠴᠢᠶ᠎ᠡ ᠶᠢ ᠣᠯᠠᠮ ᠦᠷᠭᠡᠳᠭᠡᠨ᠎ᠠ᠃ ᠠᠵᠢᠯ ᠤᠨ ᠪᠠᠶᠢᠷᠢ ᠠᠴᠠ ᠪᠠᠭᠤᠭᠰᠠᠨ ᠠᠵᠢᠯᠳᠠᠨ ᠤ ᠨᠡᠶᠢᠭᠡᠮ ᠤᠨ | ᠳᠠᠭᠠᠳᠬᠠᠯ ᠤᠨ ᠨᠦᠬᠦᠪᠦᠷᠢ ᠶᠢ ᠤᠯᠭᠤᠬᠤ ᠠᠵᠢᠯ ᠢ ᠰᠠᠶᠢᠳᠤᠷ ᠬᠢᠨ᠎ᠠ᠃ ᠡᠮ ᠡᠮᠨᠡᠯᠭᠡ ᠶᠢᠨ ᠠᠪᠣᠷᠠᠯᠳᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠯᠠᠨ ᠤ ᠡᠮ ᠡᠮᠨᠡᠯᠭᠡ ᠶᠢᠨ ᠲᠠᠷᠣᠭᠠᠰᠣ ᠶᠢ ᠣᠯᠠᠮ ᠬᠦᠩᠭᠡᠷᠡᠭᠦᠯᠦᠨ᠎ᠡ᠃ | ᠬᠤᠳᠠ ᠭᠦᠳᠡᠭᠡ ᠶᠢᠨ ᠳᠣᠣᠷ᠎ᠠ ᠪᠠᠳᠣᠯᠠᠭ᠎ᠠ᠂ ᠲᠠᠪᠣᠨ ᠪᠠᠳᠣᠯᠠᠭ᠎ᠠ ᠶᠢᠨ ᠬᠠᠷᠠᠭᠠᠯᠵᠠᠯ᠂ ᠦᠨᠦᠴᠢᠨ ᠭᠡᠣᠭᠡᠳ ᠪᠠ | ᠬᠠᠷᠠᠭᠠᠯᠵᠠᠬᠤ ᠬᠦᠷᠳᠡᠬᠦ ᠨᠢᠭᠤᠷᠯᠠᠯ ᠵᠡᠷᠭᠡ ᠬᠦᠮᠦᠰ ᠤᠨ ᠠᠮᠢᠳᠣᠷᠠᠯ ᠤᠨ ᠪᠠᠳᠣᠯᠠᠭᠠᠨ ᠤ ᠪᠠᠷᠢᠮᠵᠢᠶ᠎ᠡ ᠶᠢ | ᠦᠷᠭᠦᠯᠵᠢᠯᠠᠨ ᠨᠡᠮᠡᠭᠳᠡᠭᠦᠯᠦᠨ᠎ᠡ᠃ ᠮᠠᠯᠵᠢᠬᠤ ᠤᠷᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠢᠳᠡᠪᠬᠢᠲᠠᠢ ᠲᠦᠯᠬᠢᠨ ᠠᠬᠢᠭᠤᠯᠤᠨ᠎ᠠ᠃ ᠭᠤᠷᠪᠠᠨ ᠨᠡᠶᠢᠭᠡᠮ | ᠳᠣᠭᠤᠷᠢᠭ ᠢ ᠰᠢᠨ᠎ᠠ ᠪᠠᠷ ᠪᠠᠶᠢᠭᠤᠯᠣᠭᠰᠠᠨ ᠠᠯᠪᠠᠯᠠᠬᠤ ᠭᠠᠵᠠᠷ ᠲᠤᠨᠢ ᠨᠡᠭᠦᠯᠭᠡᠬᠦ ᠠᠵᠢᠯ ᠢ ᠪᠡᠶᠡᠯᠡᠭᠦᠯᠵᠤ᠂ ᠨᠡᠶᠢᠭᠡᠮ | ᠲᠤᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ | ᠦᠨᠳᠦᠰᠦᠳᠠᠨ ᠱᠠᠰᠢᠨ ᠰᠣᠷᠳᠠᠬᠤᠨ ᠤ ᠠᠵᠢᠯ ᠢ ᠰᠠᠶᠢᠳᠣᠷ ᠠᠳᠬᠤᠨ᠎ᠠ᠃ ᠦᠨᠳᠤᠰᠤᠳᠠᠨ ᠤ ᠪᠦᠯᠬᠦᠮᠳᠡᠯ | ᠳᠠᠪᠰᠢᠯᠲᠠ ᠶᠢ ᠡᠭᠦᠳᠤᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠎ᠡ᠃ ᠴᠦᠭᠡᠨ ᠳᠤᠭᠠᠲᠤ | ᠦᠨᠳᠤᠰᠤᠲᠠᠨ ᠤ ᠬᠦᠭᠵᠢᠯᠲᠡ ᠶᠢᠨ ᠪᠡᠯᠨ ᠮᠦᠩᠭᠦᠨ ᠤ ᠲᠦᠷᠦᠯ ᠵᠦᠢᠯ ᠢ ᠲᠡᠮᠡᠴᠡᠨ ᠤᠯᠬᠤ ᠠᠵᠢᠯ ᠢ ᠰᠠᠶᠢᠳᠤᠷ | ᠬᠢᠵᠤ᠂ ᠮᠠᠯᠵᠢᠬᠤ ᠤᠷᠤᠨ ᠤ ᠵᠢᠵᠢᠭ ᠬᠦᠢᠳᠡᠨ ᠬᠦᠮᠦᠷᠭᠡ ᠪᠠ ︽ᠮᠠᠯᠴᠢᠨ ᠠᠶᠢᠯ︾ ᠵᠤᠭᠠᠴᠠᠯ ᠤᠨ ᠴᠢᠭ ᠤᠨ | ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ | ᠲᠦᠷᠢᠮᠵᠢᠭᠰᠡᠨ ᠭᠡᠷᠡᠭᠯᠡᠯᠳᠡ ᠬᠠᠮᠢᠶᠠᠷᠣᠯᠳᠠ ᠶᠢ ᠴᠢᠩᠭᠠᠳᠬᠠᠵᠦ᠂ ᠴᠢᠬᠤᠯᠠ ᠪᠢᠴᠢᠭ ᠮᠠᠲ᠋ᠧᠷᠢᠶᠠᠯ ᠳᠤ ᠮᠣᠩᠭᠤᠯ | ᠭᠢᠳᠠᠳ ᠬᠡᠯᠡ ᠶᠢ ᠵᠡᠷᠭᠡᠪᠠᠷ ᠭᠡᠷᠡᠭᠯᠡᠬᠦ ᠶᠢ ᠪᠠᠷᠢᠮᠳᠠᠯᠠᠨ᠎ᠠ᠃ ᠱᠠᠰᠢᠨ ᠰᠣᠷᠳᠠᠬᠤᠨ ᠤ ᠭᠡᠷᠡᠭ ᠡᠷᠬᠢᠯᠡᠬᠦ ᠶᠢ ᠬᠠᠣᠯᠢ | ᠶᠣᠰᠣᠭᠠᠷ ᠬᠠᠮᠢᠶᠠᠷᠴᠦ᠂ ᠱᠠᠰᠢᠨ ᠰᠤᠷᠳᠠᠬᠤᠨ ᠤ ᠡᠳᠡᠭᠡᠳ ᠪᠠ ᠱᠠᠰᠢᠨ ᠰᠢᠳᠦᠯᠭᠡ ᠲᠠᠢ ᠣᠯᠠᠨ ᠲᠦᠮᠡᠨ ᠤ ᠠᠵᠦ | ᠠᠬᠤᠢ ᠨᠡᠶᠢᠭᠡᠮ ᠤᠨ ᠭᠦᠭᠵᠢᠯᠳᠡ ᠳᠤ ᠦᠵᠡᠬᠦᠯᠬᠦ ᠢᠳᠡᠪᠭᠢ ᠦᠢᠯᠡᠳᠣᠯ ᠢ ᠨᠢ ᠪᠠᠳᠠᠷᠠᠭᠤᠯᠣᠨ᠎ᠠ᠃ | ︵ᠨᠠᠢᠮᠠ︶ ᠪᠤᠳᠠᠲᠠᠢ ᠶᠢ ᠡᠷᠬᠢᠮᠯᠡᠵᠤ ᠦᠨᠳᠤᠷ ᠦᠷ᠎ᠡ ᠠᠰᠢᠭᠲᠤ ᠲᠠᠢ ᠪᠠᠶᠢᠬᠤ ᠴᠢᠭᠡᠴᠢ ᠵᠠᠰᠠᠭ ᠤᠨ | ᠱᠠᠭᠠᠷᠳᠠᠯᠭ᠎ᠠ ᠪᠠᠷ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠣᠯᠳᠠ ᠶᠢ ᠣᠯᠠᠮ ᠴᠢᠩᠭᠠᠳᠬᠠᠨ᠎ᠠ᠃ | ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠠᠤᠯᠢ ᠪᠠᠷ ᠵᠠᠰᠠᠭ | ᠶᠠᠪᠤᠭᠤᠯᠬᠤ ᠶᠢ ᠦᠨᠡᠨᠬᠦ ᠲᠦᠯᠬᠢᠨ ᠠᠬᠢᠭᠤᠯᠵᠤ᠂ ᠬᠠᠤᠯᠢ ᠳᠤ ᠲᠤᠭᠳᠠᠭᠠᠭᠰᠠᠨ ᠡᠷᠬᠡ᠂ ᠠᠯᠬᠤᠮ ᠳᠠᠷᠠᠭ᠎ᠠ ᠪᠠ | ᠡᠷᠬᠡ ᠡᠭᠦᠷᠭᠡ ᠶᠢᠨ ᠨᠠᠷᠢᠨ ᠳᠠᠩᠰᠠ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠨ᠎ᠡ᠃ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠨ ᠶᠢᠨ ᠬᠢᠨᠠᠯᠲᠠ᠂ | ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠤ᠂ ᠠᠷᠠᠳ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠪᠠ ᠤᠯᠤᠰ ᠲᠦᠷᠦ ᠶᠢᠨ ᠵᠦᠪᠯᠡᠯᠭᠡᠨ ᠤ | ᠬᠡᠰᠢᠭᠦᠳ ᠤᠨ ᠰᠠᠨᠠᠯ ᠳᠤᠷᠠᠳᠤᠯᠭ᠎ᠠ ᠶᠢ ᠨᠠᠷᠢᠨ ᠨᠢᠮᠪᠠᠢ ᠰᠢᠢᠳᠪᠦᠷᠢᠯᠡᠨ᠂ ᠡᠯ᠎ᠡ ᠠᠷᠠᠳᠴᠢᠯᠠᠯᠲᠤ ᠨᠠᠮ ᠪᠦᠯᠦᠭ᠂ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠤᠯᠤᠨ ᠠᠷᠠᠳ ᠤᠨ ᠪᠦᠯᠬᠦᠮ ᠤᠨ | ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠤᠨᠤᠰᠤᠨ᠎ᠠ᠃ | ᠨᠡᠶᠢᠭᠡᠮ ᠤᠨ ᠬᠠᠮᠢᠶᠠᠷᠤᠯᠲᠠ ᠶᠢ ᠪᠦᠬᠦ ᠬᠦᠴᠦᠨ ᠢᠶᠠᠷ ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠤᠯᠯᠠᠭᠴᠢ | ᠦᠷᠳᠡᠭ ᠤᠨ ᠦᠵᠡᠯᠲᠡ ᠶᠢ ᠪᠤᠢ ᠪᠤᠯᠭᠠᠨ ᠦᠢᠯᠡᠳᠦᠯᠭᠡᠵᠢᠭᠦᠯᠬᠦ ᠪᠠᠷ ᠭᠤᠤᠯ ᠱᠤᠭᠤᠮ ᠪᠤᠯᠭᠠᠨ᠂ ︽ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠨ᠂ ᠬᠦᠰᠡᠯ ᠵᠡᠭᠦᠳᠤ ᠪᠠᠨ ᠳᠡᠷᠭᠡᠯᠰᠢᠭᠦᠯᠬᠦ︾ ᠭᠤᠤᠯ ᠰᠡᠳᠤᠪᠲᠤ ᠦᠢᠯᠡᠳᠦᠯᠭᠡ | ᠶᠢᠨ ᠠᠵᠢᠯᠯᠠᠭ᠎ᠠ ᠶᠢ ᠦᠷᠭᠦᠯᠵᠢᠯᠡᠨ ᠬᠦᠨᠵᠡᠭᠡᠶᠢᠷᠡᠭᠦᠯᠵᠤ᠂ ᠤᠯᠠᠨ ᠲᠦᠮᠡᠨ ᠤ ᠤᠶᠤᠨ ᠤ ᠪᠤᠯᠪᠠᠰᠤᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠬᠦ ᠶᠢ ᠲᠦᠯᠬᠢᠨ ᠠᠬᠢᠭᠤᠯᠵᠤ᠂ ᠡᠷᠬᠡᠲᠤ ᠠᠷᠠᠳ ᠤᠨ ᠪᠤᠯᠪᠠᠰᠤᠨ | ᠤ ᠬᠡᠪ ᠴᠢᠨᠠᠷ ᠪᠠ ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ | ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠠᠢ ᠦᠷᠨᠢᠭᠦᠯᠵᠤ᠂ ︽ᠲᠤᠯᠤᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠡᠬᠢᠯᠡᠭᠦᠯᠵᠤ᠂ ᠬᠠᠤᠯᠢ ᠴᠠᠭᠠᠵᠨ ᠶᠢᠨ ᠠᠪᠤᠷᠠᠨ ᠳᠤᠰᠠᠯᠠᠬᠤ ᠰᠢᠰᠲ᠋ᠧᠮ ᠢ ᠤᠯᠠᠮ | ᠪᠦᠷᠢᠨᠰᠢᠭᠦᠯᠦᠨ᠎ᠡ᠃ ᠭᠠᠵᠠᠷ ᠤᠨ ᠳᠡᠰ ᠤᠨ ᠤᠳᠤᠷᠢᠳᠤᠯᠭ᠎ᠠ ᠶᠢᠨ ᠡᠳᠤᠷ ᠪᠦᠷᠢ ᠵᠠᠬᠢᠳᠠᠯ ᠰᠤᠷᠪᠤᠯᠵᠢᠯᠠᠭ᠎ᠠ | ᠬᠦᠯᠢᠶᠡᠬᠦ ᠪᠠ ︽1328︾ ᠵᠠᠭᠢᠳᠠᠯ ᠰᠣᠷᠪᠣᠯᠵᠢᠯᠠᠭ᠎ᠠ ᠶᠢᠨ ᠠᠵᠢᠯ ᠤᠨ ᠡᠳᠦᠷ ᠤᠨ ᠲᠦᠷᠢᠮ ᠢ ᠦᠷᠭᠦᠯᠵᠢᠯᠡᠨ | ᠬᠡᠷᠡᠭᠵᠢᠭᠦᠯᠵᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠳᠠᠪᠴᠠᠩ ᠤᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠤᠯᠠᠨ ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠵᠤᠬᠢᠰᠲᠠᠢ ᠰᠢᠢᠳᠪᠦᠷᠢᠯᠡᠬᠦ | ᠪᠠ ᠬᠠᠨᠤᠮᠵᠢᠲᠠᠢ ᠬᠠᠷᠢᠭᠤᠯᠲᠠ ᠦᠭᠬᠦ ᠶᠢ ᠪᠠᠳᠤᠯᠠᠵᠤ᠂ ᠵᠠᠭᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠡᠭᠢ ᠡᠭᠦᠰᠤᠯ | ᠠᠴᠠ ᠨᠢ ᠵᠠᠰᠠᠬᠤ ᠠᠵᠢᠯ ᠢ ᠰᠠᠶᠢᠳᠣᠷ ᠠᠳᠬᠤᠵᠦ᠂ ᠵᠠᠭᠢᠳᠠᠯ ᠰᠣᠷᠪᠤᠯᠵᠢᠯᠠᠭ᠎ᠠ ᠶᠢᠨ ᠠᠵᠢᠯ ᠢ ᠬᠠᠣᠯᠢ ᠴᠠᠭᠠᠵᠠ ᠶᠢᠨ | ᠠᠯᠬᠤᠮ ᠳᠠᠷᠠᠭ᠎ᠠ ᠳᠤ ᠤᠷᠤᠭᠤᠯᠬᠤ ᠶᠢ ᠵᠢᠯᠤᠭᠤᠳᠤᠨ᠎ᠠ᠃ ᠨᠡᠶᠢᠭᠡᠮ ᠤᠨ ᠵᠦᠷᠢᠴᠠᠯ ᠢ ᠡᠶᠡᠳᠡᠬᠦᠯᠬᠦ ᠶᠢ ᠭᠦᠨᠵᠡᠭᠡᠢ | ᠠᠭᠢᠭᠤᠯᠵᠦ᠂ ᠬᠠᠣᠯᠢ ᠶᠣᠰᠣᠭᠠᠷ ᠡᠷᠭᠡ ᠪᠠᠨ ᠬᠠᠮᠠᠭᠠᠯᠠᠬᠤ ᠪᠠ ᠵᠦᠷᠢᠴᠠᠯ ᠢ ᠰᠢᠢᠳᠪᠣᠷᠢᠯᠡᠬᠦ ᠲᠤᠭᠳᠠᠴᠨ ᠶᠢ | ᠪᠦᠷᠢᠨᠰᠢᠭᠦᠯᠦᠨ᠂ ᠡᠯ᠎ᠡ ᠲᠦᠷᠦᠯ ᠤᠨ ᠵᠦᠷᠢᠴᠡᠯ ᠵᠢᠭᠤᠷᠭᠠᠨ ᠪᠠ ᠠᠰᠠᠭᠤᠳᠠᠯ ᠢ ᠢᠳᠡᠪᠬᠢᠲᠠᠢ ᠰᠡᠷᠭᠡᠶᠢᠯᠡᠬᠦ ᠪᠠ | ᠲᠤᠬᠢᠲᠠᠢ ᠰᠢᠢᠳᠪᠦᠷᠢᠯᠡᠵᠤ᠂ ᠠᠷᠠᠳ ᠤᠯᠠᠨ ᠤ ᠬᠤᠪᠢ ᠪᠠᠶ᠎ᠠ ᠶᠢᠨ ᠠᠰᠢᠭ ᠳᠣᠰᠠ ᠶᠢ ᠦᠨᠡᠨᠬᠦ ᠬᠠᠮᠠᠭᠠᠯᠠᠵᠦ᠂ | ᠢᠳᠡᠪᠬᠢ ᠪᠤᠰᠤ ᠬᠦᠴᠦᠨ ᠵᠦᠢᠯ ᠢ ᠬᠠᠮᠤᠭ ᠶᠡᠭᠡ ᠭᠡᠮᠵᠢᠶ᠎ᠡ ᠪᠠᠷ ᠪᠠᠭᠠᠰᠬᠠᠨ᠎ᠠ᠃ ᠨᠡᠶᠢᠭᠡᠮ ᠤᠨ ᠠᠮᠤᠷ ᠳᠦᠪᠰᠢᠨ ᠢ | ᠶᠡᠷᠦᠩᠭᠡᠶᠢᠯᠡᠨ ᠵᠠᠰᠠᠬᠤ ᠲᠤᠭᠳᠠᠴᠨ ᠶᠢᠨ ᠰᠢᠨ᠎ᠡ ᠶᠢ ᠡᠭᠦᠳᠴᠤ᠂ ᠪᠦᠬᠦ ᠠᠶᠢᠮᠠᠭ ᠤᠨ ᠲᠤᠭ᠎ᠠ ᠪᠠᠷᠢᠮᠳᠠ ᠶᠢ | ᠲᠦᠪᠯᠡᠷᠡᠭᠦᠯᠦᠨ ᠬᠠᠮᠢᠶᠠᠷᠬᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠪᠠᠷ ᠲᠤᠯᠭᠠᠭᠤᠷᠢᠯᠠᠨ᠂ ᠨᠡᠶᠢᠭᠡᠮ ᠤᠨ | ᠠᠮᠤᠷ ᠢ ᠬᠠᠮᠠᠭᠠᠯᠠᠬᠤ᠂ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠯ᠎ᠡ | ᠲᠦᠷᠦᠯ ᠤᠨ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠤᠰᠤᠭᠠᠷ ᠰᠢᠳᠭᠡᠨ᠎ᠡ᠃ ᠨᠡᠶᠢᠭᠡᠮ ᠤᠨ | ᠶᠠᠷᠢᠶ᠎ᠡ ᠬᠡᠯᠡᠯᠴᠡᠭᠡᠨ ᠤ ᠪᠠᠶᠢᠳᠠᠯ ᠢ ᠲᠡᠭᠡᠲᠦ ᠭᠡᠮᠵᠢᠶ᠎ᠠ ᠪᠠᠷ ᠬᠠᠯᠠᠮᠵᠢᠯᠠᠨ ᠠᠩᠬᠠᠷᠴᠤ᠂ ᠲᠠᠶᠢᠯᠪᠣᠷᠢᠯᠠᠬᠤ ᠪᠠ | ᠵᠢᠯᠣᠭᠤᠳᠬᠤ ᠠᠵᠢᠯ ᠢ ᠴᠠᠭ ᠳᠣᠬᠠᠢ ᠳᠤᠨᠢ ᠰᠠᠶᠢᠳᠣᠷ ᠭᠢᠵᠦ᠂ ᠡᠯ᠎ᠡ ᠵᠦᠢᠯ ᠤᠨ ᠭᠡᠨᠡᠳᠳᠠ ᠶᠢᠨ ᠭᠡᠷᠡᠭ ᠶᠠᠪᠣᠳᠠᠯ ᠢ | ᠵᠣᠭᠢᠰᠲᠠᠢ ᠰᠢᠢᠳᠪᠣᠷᠢᠯᠠᠨ᠎ᠠ᠃ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ | ᠶᠢ ᠴᠢᠩᠭᠠᠳᠬᠠᠵᠤ᠂ ᠬᠢᠨᠠᠨ ᠬᠡᠮᠵᠢᠵᠤ ᠤᠷᠢᠳᠴᠢᠯᠠᠨ ᠮᠡᠳᠡᠭᠡᠯᠡᠬᠦ ᠪᠠᠴᠢᠮ ᠪᠠᠶᠢᠳᠠᠯ ᠢ ᠠᠷᠭᠠᠴᠠᠭᠠᠬᠤ ᠲᠤᠭᠳᠠᠴᠨ ᠶᠢ | ᠪᠦᠷᠢᠨᠰᠢᠭᠦᠯᠵᠤ᠂ ᠴᠠᠭ ᠠᠭᠤᠷ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ | ᠦᠢᠯᠡᠳᠪᠣᠷᠢᠯᠠᠯ ᠪᠠ ᠢᠳᠡᠭᠡᠨ ᠤᠮᠳᠠᠭᠠᠨ ᠡᠮ ᠤᠨ ᠵᠦᠢᠯᠠᠰ ᠤᠨ ᠠᠮᠣᠷ ᠲᠦᠪᠰᠢᠨ ᠤ ᠠᠵᠢᠯ ᠢ ᠰᠠᠶᠢᠳᠣᠷ | ᠠᠳᠬᠤᠵᠦ᠂ ᠭᠢᠨᠠᠨ ᠬᠠᠮᠢᠶᠠᠷᠣᠯᠳᠠ ᠪᠠᠨ ᠴᠢᠩᠭᠠᠳᠬᠠᠨ᠂ ᠭᠡᠮ ᠰᠣᠭᠤᠭ ᠢ ᠪᠠᠶᠢᠴᠠᠭᠠᠬᠤ ᠪᠠ ᠳᠣᠰᠬᠠᠢ ᠲᠦᠷᠦᠯ | ᠢᠶᠠᠷ ᠴᠡᠭᠴᠡᠯᠡᠬᠦ ᠠᠵᠢᠯ ᠢ ᠨᠠᠷᠢᠨ ᠭᠢᠨᠠᠮᠠᠭᠠᠢ ᠵᠤᠬᠢᠶᠠᠨ ᠪᠠᠶᠢᠭᠤᠯᠤᠨ ᠦᠷᠨᠢᠭᠦᠯᠵᠦ᠂ ᠡᠯ᠎ᠡ ᠲᠦᠷᠦᠯ ᠤᠨ ᠤᠨᠴᠠ | ᠬᠦᠨᠳᠤ ᠶᠡᠭᠡ ᠬᠡᠷᠡᠭ ᠣᠴᠢᠷ ᠭᠠᠷᠬᠤ ᠶᠢ ᠡᠷᠡᠰ ᠬᠤᠷᠢᠭᠯᠠᠨ᠎ᠠ᠃ | ᠦᠭᠡᠷᠡᠴᠢᠯᠡᠯᠲᠡ ᠶᠢᠨ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠡᠯ᠎ᠡ ᠬᠦᠷᠢᠶ᠎ᠡ ᠴᠠᠷ᠎ᠠ | ᠳᠠᠬᠢ ᠦᠭᠡᠷᠡᠴᠢᠯᠡᠯᠲᠡ ᠶᠢᠨ ᠭᠤᠤᠯᠳᠠᠯᠭ᠎ᠠ ᠶᠢᠨ ᠲᠤᠭᠤᠷᠢᠨ ᠳᠤ᠂ ᠡᠬᠢ ᠪᠠᠶᠠᠯᠢᠭ ᠤᠨ ᠬᠦᠴᠦᠨ ᠢ ᠨᠢᠭᠡᠳᠤᠯᠲᠠᠢ | ᠲᠦᠯᠦᠪᠵᠢᠭᠦᠯᠦᠨ ᠲᠤᠬᠢᠷᠠᠭᠤᠯᠵᠤ᠂ ᠡᠯ᠎ᠡ ᠲᠦᠷᠦᠯ ᠤᠨ ᠦᠭᠡᠷᠡᠴᠢᠯᠡᠯᠲᠡ ᠶᠢᠨ ᠡᠭᠦᠷᠬᠡ ᠶᠢᠨ | ᠨᠠᠶᠢᠳᠠᠪᠤᠷᠢᠵᠢᠭᠤᠯᠤᠯᠲᠠ ᠶᠢᠨ ᠠᠬᠢᠴᠨ ᠪᠠᠨ ᠲᠦᠷᠭᠡᠳᠬᠡᠨ᠎ᠡ᠃ ᠡᠭᠦᠨ ᠤ ᠵᠡᠷᠭᠡᠪᠡᠷ᠂ ᠨᠢᠭᠡᠨᠲᠡ ᠲᠤᠭᠳᠠᠭᠠᠭᠰᠠᠨ | ᠦᠭᠡᠷᠡᠴᠢᠯᠡᠯᠲᠡ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢᠨ ᠬᠦᠴᠦᠯᠡᠴᠨ ᠪᠠᠨ ᠴᠢᠩᠭᠠᠳᠬᠠᠵᠤ᠂ ᠡᠯ᠎ᠡ | ᠬᠦᠷᠢᠶ᠎ᠡ ᠴᠠᠷ᠎ᠠ ᠳᠠᠬᠢ ᠦᠭᠡᠷᠡᠴᠢᠯᠡᠯᠲᠡ ᠶᠢᠨ ᠡᠭᠦᠷᠭᠡ ᠶᠢ ᠴᠢᠨᠠᠷᠯᠢᠭ ᠪᠡᠶᠡᠯᠡᠭᠦᠯᠦᠨ᠎ᠡ᠃ ᠬᠢᠨᠠᠨ ᠵᠦᠪᠰᠢᠶᠡᠷᠡᠬᠦ | ᠶᠠᠪᠤᠴᠨ ᠶᠢ ᠤᠯᠠᠮ ᠰᠢᠯᠢᠳᠡᠭᠵᠢᠭᠦᠯᠵᠤ᠂ ᠬᠢᠨᠠᠨ ᠵᠦᠪᠰᠢᠶᠡᠷᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠳ᠋ | ᠤᠨ ᠵᠠᠰᠠᠭ ᠭᠠᠶᠢᠯᠢ ᠶᠢᠨ ᠪᠦᠲᠦᠴᠨ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠪᠦᠬᠦ ᠲᠠᠯ᠎ᠠ ᠪᠠᠷ | ᠲᠦᠷᠢᠮᠵᠢᠭᠰᠡᠨ᠂ ᠢᠯᠨ ᠲᠤᠳᠤ ᠳᠦᠰᠦᠪ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠎ᠡ᠃ | ᠵᠠᠰᠠᠭ ᠵᠠᠬᠢᠷᠭᠠᠨ ᠤ ᠴᠢᠳᠠᠪᠬᠢ ᠶᠢ ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠨ᠎ᠠ᠃ ︽ | ᠭᠤᠷᠪᠠᠨ ᠴᠢᠩᠭ᠎ᠠ ᠭᠤᠷᠪᠠᠨ ᠪᠤᠳᠠᠲᠠᠢ︾ ᠬᠦᠮᠦᠵᠢᠯ ᠤᠨ ᠦᠷ᠎ᠡ ᠪᠦᠲᠦᠮᠵᠢ ᠪᠠᠨ ᠪᠠᠳᠤᠳᠬᠠᠨ ᠬᠦᠨᠵᠡᠭᠡᠶᠢᠷᠡᠭᠦᠯᠵᠤ᠂ | ᠤᠯᠤᠰ ᠲᠦᠷᠦ ᠶᠢᠨ ᠤᠬᠠᠮᠰᠠᠷ᠂ ᠪᠦᠬᠦ ᠲᠠᠯ᠎ᠠ ᠶᠢᠨ ᠤᠬᠠᠮᠰᠠᠷ᠂ ᠭᠤᠤᠯᠯᠠᠭᠴᠢ ᠤᠬᠠᠮᠰᠠᠷ ᠪᠠ ᠭᠤᠤᠯᠴᠢ ᠤᠬᠠᠮᠰᠠᠷ | ᠢᠶᠠᠨ ᠨᠡᠮᠡᠭᠳᠡᠭᠦᠯᠦᠨ᠂ ᠰᠤᠷᠳᠠᠯ ᠪᠠ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠵᠠᠰᠠᠭ | ᠵᠠᠬᠢᠷᠭᠠᠨ ᠤ ᠦᠢᠯᠡᠳᠤᠯ ᠴᠢᠳᠠᠪᠬᠢ ᠪᠠ ᠦᠢᠯᠡᠴᠢᠯᠡᠭᠡᠨ ᠤ ᠬᠢᠷᠢ ᠳᠦᠪᠰᠢᠨ ᠢᠶᠠᠨ ᠳᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠴᠢᠬᠤᠯᠨ ᠰᠢᠢᠳᠪᠦᠷᠢᠲᠤ ᠪᠤᠳᠤᠯᠭ᠎ᠠ᠂ ᠭᠤᠤᠯᠳᠠᠯᠭ᠎ᠠ ᠲᠠᠢ ᠲᠦᠷᠦᠯ ᠵᠦᠢᠯ ᠪᠠ ᠭᠤᠤᠯ | ᠪᠤᠯᠬᠤ ᠠᠵᠢᠯ ᠳᠠᠬᠢ ᠱᠠᠭᠠᠷᠳᠠᠨ ᠪᠠᠶᠢᠴᠠᠭᠠᠯᠲᠠ ᠪᠠ ᠲᠤᠬᠢᠷᠠᠭᠤᠯᠤᠯᠲᠠ ᠪᠠᠨ ᠴᠢᠩᠭᠠᠳᠬᠠᠨ᠂ ᠪᠤᠳᠠᠲᠠᠢ ᠶᠢ | ᠲᠤᠪᠤᠶᠢᠯᠭᠠᠨ᠂ ᠬᠠᠷᠢᠭᠤᠴᠠᠯᠭ᠎ᠠ ᠪᠠᠨ ᠴᠢᠩᠭᠠᠳᠬᠠᠨ᠂ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ᠂ ᠵᠠᠰᠠᠭ ᠤᠨ ᠤᠷᠳᠤᠨ ᠤ ᠢᠳᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠨᠡᠮᠡᠭᠳᠡᠭᠦᠯᠦᠨ᠎ᠡ᠃ | ᠵᠠᠰᠠᠭ ᠤᠨ ᠤᠷᠳᠤᠨ ᠤ ᠴᠢᠳᠠᠪᠬᠢ ᠶᠢ ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠨ᠂ ᠴᠠᠭ | ᠬᠤᠭᠤᠴᠠᠭ᠎ᠠ ᠶᠢ ᠡᠵᠡᠮᠳᠠᠨ᠂ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠱᠠᠭᠠᠷᠳᠠᠨ | ᠪᠠᠶᠢᠴᠠᠭᠠᠵᠤ ᠰᠢᠯᠭᠠᠨ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠱᠠᠲᠤ ᠳᠠᠷᠠᠭᠠᠯᠠᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠡᠮᠤᠨ᠎ᠡ ᠡᠩᠨᠡᠭᠡᠨ ᠳᠤ ᠤᠷᠤᠬᠤ ᠬᠠᠷᠠᠯᠲᠠ ᠶᠢ ᠪᠡᠶᠡᠯᠡᠭᠦᠯᠬᠦ ᠶᠢ | ᠪᠠᠳᠤᠯᠠᠨ᠎ᠠ᠃ | ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠴᠢᠩᠭ᠎ᠠ ᠪᠠᠷ ᠵᠠᠰᠠᠬᠤ ᠬᠠᠷᠢᠭᠤᠴᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠭᠡᠴᠢ ᠪᠠᠷ | ᠪᠡᠶ᠎ᠡ ᠪᠠᠨ ᠱᠠᠭᠠᠷᠳᠠᠬᠤ ᠪᠠᠷᠢᠮᠵᠢᠶ᠎ᠠ︾᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠲᠤ ᠶᠢᠨ | ᠰᠢᠳᠬᠡᠯ ᠦᠭᠬᠦ ᠲᠦᠷᠢᠮ︾ ᠢ ᠴᠢᠩᠭ᠎ᠠ ᠵᠢᠷᠤᠮᠯᠠᠨ᠂ ︽ᠨᠢᠭᠡ ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ | ᠡᠭᠦᠷᠭᠡᠯᠡᠬᠦ︾ ᠶᠢ ᠬᠢᠨᠠᠮᠠᠭᠠᠢ ᠬᠡᠷᠡᠭᠵᠢᠭᠦᠯᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠪᠠ ᠤᠳᠤᠷᠢᠳᠬᠤ ᠺᠠᠳ᠋ᠷ ᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠡᠯ᠎ᠡ ᠵᠦᠢᠯ | ᠤᠨ ᠲᠦᠷᠢᠮ ᠲᠤᠭᠳᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ | ᠬᠢᠨᠠᠨ ᠪᠤᠳᠤᠵᠤ ᠬᠢᠨᠠᠯᠲᠠ ᠳᠠᠯᠪᠢᠬᠤ ᠲᠦᠷᠢᠮ ᠢ ᠴᠢᠩᠭ᠎ᠠ ᠬᠡᠷᠡᠭᠵᠢᠭᠦᠯᠵᠤ᠂ ᠵᠠᠰᠠᠭ ᠤᠨ ᠤᠷᠳᠤᠨ ᠤ ᠡᠭᠦᠷᠬᠡ | ᠴᠢᠳᠠᠪᠬᠢᠲᠤ ᠰᠠᠯᠠᠭ᠎ᠠ ᠮᠦᠴᠢᠷ ᠤᠨ ᠡᠭᠦᠷᠬᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠳᠤ ᠬᠢᠨᠠᠯᠲᠠ | ᠳᠠᠯᠪᠢᠬᠤ ᠶᠢ ᠴᠢᠩᠭᠠᠳᠬᠠᠨ᠂ ᠡᠯ᠎ᠡ ᠲᠦᠷᠦᠯ ᠤᠨ ᠬᠠᠤᠯᠢ ᠲᠦᠷᠢᠮ ᠢ ᠵᠦᠷᠢᠴᠡᠭᠰᠡᠨ ᠬᠡᠷᠡᠭ ᠤᠴᠢᠷ ᠢ ᠴᠢᠩᠭ᠎ᠠ ᠪᠠᠷ | ᠪᠠᠶᠢᠴᠠᠭᠠᠨ ᠰᠢᠢᠳᠪᠦᠷᠢᠯᠡᠵᠤ᠂ ︽ᠰᠠᠬᠢᠯᠭ᠎ᠠ ᠪᠠᠲᠤ ᠬᠡᠪ ᠰᠤᠷᠳᠠᠯ ᠢ ᠴᠡᠭᠴᠡᠯᠡᠬᠦ ᠤᠨ︾ ᠤ ᠠᠵᠢᠯᠯᠠᠭ᠎ᠠ ᠶᠢ | ᠰᠠᠶᠢᠳᠤᠷ ᠦᠷᠨᠢᠭᠦᠯᠵᠤ᠂ ᠲᠦᠪ ᠭᠤᠤᠯᠴᠢ᠂ ᠠᠷᠢᠭᠤᠨ ᠴᠢᠭᠡᠴᠢ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ | ᠤᠬᠢ ᠰᠠᠶᠢᠨ ᠪᠠᠶᠢᠳᠠᠯ ᠢ ᠪᠤᠢ ᠪᠤᠯᠭᠠᠬᠤ ᠪᠠᠷ ᠴᠢᠷᠮᠠᠶᠢᠨ᠎ᠠ᠃ | ᠡᠨᠡ ᠵᠢᠯ ᠠᠷᠠᠳ ᠤᠨ ᠠᠮᠢᠳᠤᠷᠠᠯ ᠤᠨ ᠲᠠᠯ᠎ᠠ ᠪᠠᠷ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ᠂ | ︽ᠠᠷᠪᠠ ᠶᠢ ᠪᠦᠷᠬᠦᠭᠦᠯᠬᠦ︾᠂ ᠦᠢᠯᠡᠰ ᠪᠤᠰᠬᠠᠨ ᠠᠵᠢᠯ ᠤᠯᠭᠤᠬᠤ ᠵᠡᠷᠭᠡ ᠢᠨᠵᠧᠨᠧᠷᠢᠩ ᠢ ᠲᠤᠪᠤᠶᠢᠮ᠎ᠠ | ᠠᠳᠬᠤᠵᠤ᠂ ᠰᠤᠷᠭᠠᠨ ᠬᠦᠮᠦᠵᠢᠯ᠂ ᠡᠮ ᠡᠮᠨᠡᠯᠭᠡ᠂ ᠤᠷᠤᠨ ᠰᠠᠭᠤᠴᠨ᠂ ᠰᠤᠶᠤᠯ ᠪᠡᠶ᠎ᠡ ᠳᠠᠮᠢᠷ᠂ ᠨᠡᠶᠢᠭᠡᠮ ᠤᠨ | ᠪᠠᠳᠤᠯᠠᠭ᠎ᠠ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂ ᠦᠷᠭᠡᠨ ᠤᠯᠠᠨ ᠲᠦᠮᠡᠨ ᠳᠤ ᠦᠭᠡᠷᠡᠴᠢᠯᠡᠯᠲᠡ | ᠬᠦᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠦᠨ᠎ᠡ᠃ | ᠲᠦᠯᠦᠭᠡᠯᠡᠭᠴᠢᠳ ᠡ︕ ᠰᠢᠨ᠎ᠡ ᠬᠡᠪ ᠪᠠᠶᠢᠳᠠᠯ ᠨᠢ ᠰᠢᠨ᠎ᠡ ᠠᠵᠨ ᠳᠤᠬᠢᠶᠠᠯ ᠢ ᠤᠯᠭᠤᠵᠤ᠂ ᠰᠢᠨ᠎ᠡ ᠴᠠᠭ | ᠦᠶ᠎ᠡ ᠳᠠᠬᠢ ᠰᠢᠨ᠎ᠡ ᠠᠶᠠᠨ ᠢᠶᠠᠨ ᠡᠬᠢᠯᠡᠭᠦᠯᠪᠠ᠃ ᠪᠢᠳᠡ ᠦᠵᠡᠯ ᠰᠠᠨᠠᠭ᠎ᠠ ᠦᠢᠯᠨ ᠠᠵᠢᠯᠯᠠᠭ᠎ᠠ ᠪᠠᠨ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠤ ᠪᠤᠳᠤᠯᠭ᠎ᠠ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠤ᠂ ᠪᠦᠯᠭᠦᠮᠳᠡᠨ ᠲᠡᠮᠡᠴᠡᠵᠤ᠂ ᠡᠷᠡᠮᠡᠭᠡᠶᠢᠯᠡᠨ ᠤᠷᠤᠭᠰᠢᠯᠠᠵᠤ᠂ ᠢᠳᠡᠭᠡᠯ | ᠵᠤᠷᠢᠭ ᠢᠶᠠᠨ ᠬᠦᠪᠴᠢᠯᠡᠨ᠂ ᠯᠠᠪᠳᠠᠭᠤᠨ ᠪᠠᠳᠤᠲᠠᠢ ᠠᠵᠢᠯᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠨ᠎ᠡ ᠢᠯᠠᠯᠲᠡ ᠶᠢ ᠲᠡᠮᠡᠴᠡᠨ ᠤᠯᠵᠤ᠂ ᠰᠢᠯᠢᠳᠡᠭ ᠠᠮᠵᠢᠯᠲᠠ ᠪᠠᠷ ᠢᠶᠠᠨ ᠦᠪᠡᠷᠳᠡᠭᠡᠨ ᠵᠠᠰᠠᠬᠤ ᠤᠷᠤᠨ | ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠤᠭᠳᠤᠵᠠᠭᠠᠶ᠎ᠠ︕ | | | | |