2016 ᠣᠨ ᠤ 3 ᠰᠠᠷ᠎ᠠ ᠶᠢᠨ17 ᠤ ᠡᠳᠦᠷ ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠣᠭᠠᠨ | ᠲᠡᠭᠡᠷ᠎ᠡ | | ᠬᠤᠰᠢᠭᠤ ᠳᠠᠷᠤᠭ᠎ᠠ ᠪᠤᠶᠠᠨᠲᠤ | | ᠲᠦᠯᠦᠭᠡᠯᠡᠭᠴᠢᠳ ᠡ᠄ | ᠤᠳᠤ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ | ᠬᠢᠶ᠎ᠡ᠂ ᠤᠯᠠᠨ ᠢᠶᠠᠷ ᠢᠶᠠᠨ ︽ᠰᠢᠯᠤᠭᠤᠨ ᠬᠦᠬᠡ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠡ ᠨᠡᠶᠢᠭᠡᠮ | ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠦᠳᠦᠯᠪᠤᠷᠢ ︵ᠡᠬᠡ | ᠨᠤᠤᠷᠠᠭ︶︾ ᠶᠢᠨ ᠬᠠᠮᠳᠤ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ | ᠬᠤᠷᠠᠯ ᠳᠤ ᠰᠤᠯᠠ ᠤᠷᠤᠯᠴᠠᠬᠰᠠᠨ ᠨᠦᠬᠦᠳ ᠰᠠᠨᠠᠯ ᠢᠶᠠᠨ ᠲᠤᠷᠠᠳᠬᠤ ᠪᠤᠯᠪᠠᠤ︕ | ᠨᠢᠭᠡ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠠ 2015 ᠤᠨ ᠤ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠡᠷᠬᠢᠴᠡᠬᠦᠯᠦᠯ | ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠬᠦᠭᠵᠢᠯᠳᠡ ᠶᠢᠨ | ᠶᠠᠪᠤᠴᠠ ᠲᠤᠮᠳᠠᠬᠢ ᠴᠢᠬᠤᠯᠠ ᠪᠡᠯᠭᠡ ᠲᠡᠮᠳᠡᠭ ᠪᠦᠬᠦᠢ ᠴᠠᠭ ᠬᠤᠭᠤᠴᠠᠭ᠎ᠠ ᠪᠤᠯᠤᠨ᠎ᠠ᠃ ᠦᠩᠭᠡᠷᠡᠭᠰᠡᠨ ᠲᠠᠪᠤᠨ ᠵᠢᠯ | ᠳᠤ᠂ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠬᠤᠰᠢᠭᠤ ᠨᠢ ᠨᠠᠷᠢᠨ | ᠪᠤᠳᠤᠯᠢᠶᠠᠨᠳᠠᠢ ᠠᠵᠤ ᠠᠬᠤᠢ ᠶᠢᠨ ᠪᠠᠶᠢᠳᠠᠯ ᠪᠠ ᠦᠭᠡᠷᠡᠴᠢᠯᠡᠯᠳᠡ ᠬᠦᠭᠵᠢᠯᠳᠡ ᠲᠤᠬᠳᠠᠭᠤᠨ ᠤ ᠬᠦᠴᠢᠷ | ᠪᠡᠷᠬᠡᠰᠢᠶᠡᠯᠳᠠᠢ ᠡᠭᠦᠷᠭᠡ ᠶᠢᠨ ᠡᠮᠦᠨ᠎ᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ | ᠠᠶᠢᠮᠠᠭ ᠤᠨ ᠨᠠᠮ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ | ᠲᠤᠤᠷ᠎ᠠ᠂ ︽ᠠᠮᠢ ᠠᠬᠤᠢ ᠪᠠᠷ ᠬᠤᠰᠢᠭᠤ ᠪᠠᠨ ᠪᠠᠶᠢᠭᠤᠯᠬᠤ᠂ ᠠᠵᠤ ᠦᠢᠯᠡᠳᠪᠦᠷᠢ ᠪᠠᠷ ᠬᠤᠰᠢᠭᠤ ᠪᠠᠨ | ᠬᠦᠴᠦᠷᠬᠡᠭᠵᠢᠭᠦᠯᠬᠦ᠂ ᠮᠠᠯ ᠲᠠᠷᠢᠶᠠᠯᠠᠩ ᠢᠶᠠᠷ ᠬᠤᠰᠢᠭᠤ ᠪᠠᠨ ᠲᠤᠬᠳᠠᠪᠤᠷᠢᠵᠢᠭᠤᠯᠬᠤ᠂ ᠵᠢᠭᠤᠯᠴᠢᠯᠠᠯ ᠢᠶᠠᠷ ᠬᠤᠰᠢᠭᠤ | ᠪᠠᠨ ᠴᠢᠨᠡᠭᠡᠯᠢᠭᠵᠢᠬᠦᠯᠬᠦ᠂ ᠰᠤᠷᠭᠠᠨ ᠬᠦᠮᠦᠵᠢᠯ ᠢᠶᠠᠷ ᠬᠤᠰᠢᠭᠤ ᠪᠠᠨ ᠮᠠᠨᠳᠤᠭᠤᠯᠬᠤ᠂ ᠠᠷᠠᠯᠵᠢᠶ᠎ᠠ ᠬᠤᠳᠠᠯᠳᠤᠭ᠎ᠠ ᠪᠠᠷ | ᠬᠤᠰᠢᠭᠤ ᠪᠠᠨ ᠬᠦᠭᠵᠢᠶᠡᠨᠳᠠᠢ ᠪᠤᠯᠭᠠᠬᠤ︾ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ᠂ ᠬᠠᠷᠢᠯᠴᠠᠨ | ᠬᠠᠪᠰᠤᠷᠦᠯᠴᠠᠨ᠂ ᠵᠤᠷᠢᠬᠳᠠᠢ ᠪᠠᠷ ᠤᠷᠤᠬᠰᠢᠯᠠᠵᠤ᠂ ᠬᠤᠰᠢᠭᠤ ᠲᠠᠶᠠᠭᠠᠷ ᠤᠨ ᠬᠠᠮᠳᠤ ᠶᠢᠨ ᠴᠢᠷᠮᠠᠶᠢᠯᠭ᠎ᠠ ᠪᠠᠷ | ᠲᠠᠮᠵᠢᠨ ᠪᠦᠬᠦ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ᠂ ᠬᠤᠳᠠ ᠬᠦᠳᠡᠭᠡ ᠶᠢᠨ | ᠬᠦᠭᠵᠢᠯᠳᠡ ᠶᠢᠨ ᠲᠦᠷᠰᠦ ᠪᠠᠶᠢᠳᠠᠯ᠂ ᠨᠡᠶᠢᠭᠡᠮ ᠤᠨ ᠪᠠᠳᠤᠯᠠᠭ᠎ᠠ ᠶᠢᠨ ᠴᠢᠳᠠᠪᠤᠷᠢ ᠪᠠ ᠠᠷᠠᠳ ᠤᠨ ᠠᠮᠢᠳᠤᠷᠠᠯ ᠤᠨ | ᠬᠢᠷᠢ ᠲᠦᠪᠰᠢᠨ ᠤ ᠲᠠᠯ᠎ᠠ ᠪᠠᠷ ᠬᠢ ᠰᠢᠨ᠎ᠡ ᠦᠰᠦᠷᠦᠯᠳᠡ ᠶᠢ ᠪᠡᠶᠡᠯᠡᠭᠦᠯᠵᠦ᠂ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠰᠢᠨ᠎ᠡ ᠲᠦᠷᠰᠦ ᠪᠠᠶᠢᠳᠠᠯ ᠢ ᠡᠭᠦᠳᠪᠡ᠃ | ︵ᠨᠢᠬᠡ︶ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ | ᠲᠠᠪᠤᠨ ᠵᠢᠯ ᠤᠨ ᠲᠤᠷᠰᠢ ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ | ᠪᠦᠷᠢ ᠲᠤᠮᠳᠠᠴᠢ ᠪᠠᠷ 11.7% ᠪᠠᠷ ᠨᠡᠮᠡᠭᠳᠡᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠵᠢᠯ ᠪᠦᠷᠢ ᠲᠤᠮᠳᠠᠴᠢ ᠪᠠᠷ 15% ᠪᠠᠷ ᠨᠡᠮᠡᠭᠳᠡᠨ᠂ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ | 7.6% ᠪᠠᠷ ᠨᠡᠮᠡᠭᠳᠡᠪᠡ᠃ ᠲᠠᠷᠢᠶᠠᠯᠠᠩ ᠤᠨ ᠮᠠᠯ ᠠᠵᠤ ᠠᠬᠤᠢ ᠶᠢᠨ ᠶᠠᠰᠤ ᠴᠢᠨᠠᠷ ᠲᠡᠭᠡᠭᠰᠢᠯᠡᠨ᠂ ᠦᠷ᠎ᠡ ᠠᠰᠢᠭ | ᠨᠢ ᠨᠡᠮᠡᠭᠳᠡᠵᠦ᠂ ᠰᠦ᠂ ᠮᠢᠬ᠎ᠠ᠂ ᠨᠤᠤᠰᠤ ᠨᠤᠯᠤᠤᠷ᠂ ᠢᠳᠡᠰᠢᠨ ᠨᠤᠭᠤᠭ᠎ᠠ᠂ ᠡᠪᠡᠰᠦ ᠪᠤᠷᠳᠤᠭ᠎ᠠ ᠵᠡᠷᠭᠡ ᠲᠠᠪᠤᠨ | ᠭᠤᠤᠯᠳᠠᠯᠭ᠎ᠠ ᠲᠠᠢ ᠠᠵᠤ ᠦᠢᠯᠡᠰ ᠢ ᠴᠢᠬᠤᠯᠠᠴᠢᠯᠠᠨ ᠬᠦᠭᠵᠢᠬᠦᠯᠵᠦ᠂ ᠪᠤᠬᠢᠷᠳᠤᠯ ᠦᠭᠡᠢ ᠦᠢᠯᠡᠳᠪᠦᠷᠢᠯᠡᠯ ᠤᠨ | ᠰᠠᠭᠤᠷᠢᠨ ᠭᠠᠵᠠᠷ ᠪᠠ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠦᠢᠯᠡᠰᠵᠢᠭᠰᠡᠨ ᠪᠦᠳᠦᠭᠡᠨ ᠪᠠᠶᠢᠭᠤᠯᠤᠯᠳᠠ | ᠶᠢᠨ ᠬᠡᠯᠪᠡᠷᠢ ᠠᠩᠬ᠎ᠠ ᠠᠯᠬᠤᠮ ᠪᠦᠷᠢᠯᠳᠦᠪᠡ︔ 2015 ᠤᠨ ᠤᠨ ᠮᠠᠯᠵᠢᠯ ᠤᠨ ᠤᠨ ᠳᠤ ᠦᠬᠡᠷ ᠤᠨ ᠲᠤᠭ᠎ᠠ | ᠲᠤᠯᠤᠭᠠᠢ 24.6 ᠲᠦᠮᠡᠨ ᠲᠤᠯᠤᠭᠠᠢ ᠳᠤ ᠬᠦᠷᠴᠦ᠂ ᠮᠠᠯ ᠤᠨ ᠶᠡᠷᠦᠩᠬᠡᠢ ᠲᠤᠭᠠᠨ ᠤ 34.7% ᠶᠢ ᠡᠵᠡᠯᠡᠨ᠂ | ᠵᠢᠯ ᠪᠦᠷᠢ ᠲᠤᠮᠳᠠᠴᠢ ᠪᠠᠷ 3.5% ᠪᠠᠷ ᠨᠡᠮᠡᠭᠳᠡᠵᠤ᠂ ᠲᠠᠷᠢᠮᠠᠯ ᠤᠨ ᠶᠡᠷᠦᠩᠬᠡᠢ ᠲᠠᠯᠠᠪᠠᠢ 31.4 ᠲᠦᠮᠡᠨ ᠮᠤ᠋ ᠳᠤ | ᠬᠦᠷᠴᠦ᠂ ᠦᠨᠳᠦᠰᠦᠨ ᠳᠡᠭᠡᠨ ᠲᠤᠬᠳᠠᠪᠤᠷᠢᠳᠠᠢ ᠪᠠᠶᠢᠬᠤ ᠶᠢ ᠪᠠᠳᠤᠯᠠᠪᠠ᠃ ᠠᠵᠤ ᠦᠢᠯᠡᠳᠪᠦᠷᠢ ᠶᠢᠨ ᠠᠵᠤ ᠠᠬᠤᠢ | ᠶᠢᠨ ᠬᠦᠭᠵᠢᠯᠳᠡ ᠲᠤᠪᠤᠶᠢᠨ᠂ ᠱᠠᠩᠳᠤ ᠴᠠᠬᠢᠯᠭᠠᠨ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠨᠢ | ᠠᠰᠢᠬᠯᠠᠯᠳᠠ ᠳᠤ ᠤᠷᠤᠵᠤ᠂ ᠴᠠᠬᠢᠯᠭᠠᠨ ᠦᠢᠯᠡᠳᠪᠦᠷᠢ ᠪᠠᠷ ᠲᠤᠯᠤᠭᠠᠶᠢᠯᠠᠬᠴᠢ ᠪᠤᠯᠭᠠᠬᠰᠠᠨ ᠴᠠᠬᠢᠯᠭᠠᠨ ᠬᠦᠴᠦᠨ | ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠂ ︽ᠠᠷᠪᠠᠨ ᠬᠤᠶᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠵᠢᠯ ᠪᠦᠷᠢ ᠲᠤᠮᠳᠠᠴᠢ ᠪᠠᠷ 11.6% ᠪᠠᠷ | ᠨᠡᠮᠡᠭᠳᠡᠵᠦ᠂ ᠡᠭᠦᠨ ᠳᠤ᠂ ᠱᠠᠩᠳᠤ ᠴᠠᠬᠢᠯᠭᠠᠨ ᠦᠢᠯᠡᠳᠪᠦᠷᠢ ᠨᠢ ᠨᠡᠶᠢᠳᠡ 922 ᠳ᠋ᠦᠩᠰᠢᠭᠤᠷ ᠭᠷᠡᠳᠦ᠋ᠰ ᠴᠠᠬᠢᠯᠭᠠᠨ | ᠭᠠᠷᠭᠠᠪᠠ᠃ ᠵᠢᠭᠤᠯᠴᠢᠯᠠᠯ ᠤᠨ ᠠᠵᠤ ᠦᠢᠯᠡᠰ ᠦᠳᠳᠡᠷ ᠲᠦᠷᠭᠡᠨ ᠬᠦᠭᠵᠢᠨ᠂ ︽ᠠᠷᠪᠠᠨ ᠬᠤᠶᠠᠳᠤᠭᠠᠷ ᠲᠠᠪᠤᠨ | ᠵᠢᠯ︾ ᠤᠨ ᠬᠤᠭᠤᠴᠠᠭᠠᠨ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠳ ᠢ ᠨᠡᠶᠢᠳᠡ 216 ᠲᠦᠮᠡᠨ | ᠬᠦᠮᠦᠨ ᠤᠳᠠᠭ᠎ᠠ ᠬᠦᠯᠢᠶᠡᠨ ᠠᠪᠴᠤ᠂ 11.5 ᠳ᠋ᠦᠩᠰᠢᠭᠤᠷ ᠲᠦᠭᠦᠷᠢᠭ ᠤᠨ ᠤᠷᠤᠯᠭ᠎ᠠ ᠡᠭᠦᠳᠦᠨ᠂ ︽ᠠᠷᠪᠠᠨ | ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠲᠠᠢ ᠠᠳᠠᠯᠢᠳᠬᠠᠪᠠᠯ ᠲᠤᠰ ᠲᠤᠰ 44% ᠪᠠ 120% | ᠪᠠᠷ ᠨᠡᠮᠡᠭᠳᠡᠪᠡ᠃ ᠲᠦᠰᠦᠯ ᠤᠨ ᠪᠠᠶᠢᠭᠤᠯᠤᠯᠳᠠ ᠲᠤᠪᠤᠶᠢᠮ᠎ᠠ ᠦᠷ᠎ᠡ ᠪᠦᠳᠦᠮᠵᠢ ᠣᠯᠵᠤ᠂ ᠲᠠᠪᠤᠨ ᠵᠢᠯ ᠤᠨ | ᠳᠣᠷᠰᠢᠳᠠ᠂ ᠠᠷᠠᠯᠵᠢᠶᠠᠴᠢᠨ ᠤᠷᠢᠵᠤ ᠪᠠᠯᠡ ᠲᠠᠳᠠᠬᠤ ᠲᠦᠰᠦᠯ ᠢ ᠨᠡᠶᠢᠳᠡ 103 ᠶᠢ ᠵᠤᠬᠢᠶᠠᠨ ᠪᠠᠶᠢᠭᠤᠯᠤᠨ | ᠬᠡᠷᠡᠭᠵᠢᠭᠦᠯᠵᠦ᠂ ᠡᠭᠦᠨ ᠳᠤ᠂ ᠭᠡᠷ᠎ᠡ ᠲᠤᠬᠳᠠᠬᠰᠠ ᠲᠦᠰᠦᠯ 70 ᠪᠠᠶᠢᠵᠤ᠂ ᠨᠡᠶᠢᠳᠡ 120 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠪᠡ᠃ | ︵ᠬᠤᠶᠠᠷ︶ ᠬᠦᠭᠵᠢᠯᠳᠡ ᠶᠢᠨ ᠪᠠᠳᠤᠯᠠᠭ᠎ᠠ ᠶᠢᠨ ᠴᠢᠳᠠᠪᠤᠷᠢ ᠣᠯᠠᠮ ᠨᠢᠭᠡ ᠠᠯᠬᠤᠮ ᠲᠡᠭᠡᠭᠰᠢᠯᠡᠪᠡ᠃ ᠰᠠᠭᠤᠷᠢ | ᠲᠦᠬᠦᠭᠡᠷᠦᠮᠵᠢ ᠲᠠᠰᠤᠷᠠᠯᠳᠠ ᠦᠭᠡᠢ ᠲᠡᠭᠦᠯᠳᠡᠷᠵᠢᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ | ᠳᠤ ᠨᠡᠶᠢᠳᠡ 580 ᠺᠢᠯᠤᠮᠧᠲᠷ ᠭᠠᠴᠠᠭ᠎ᠠ ᠲᠤᠰᠬᠤᠨ ᠤ ᠽᠧᠮᠨ᠋ᠲ ᠵᠠᠮ ᠢ ᠵᠠᠰᠠᠵᠤ᠂ 326 ᠺᠢᠯᠤᠮᠧᠲᠷ ᠵᠡᠭᠡᠯᠢ | ᠭᠤᠳᠤᠮᠵᠢ ᠶᠢ ᠬᠠᠳᠠᠭᠤᠷᠠᠭᠤᠯᠤᠨ ᠂ S27 ᠲᠦᠷᠭᠡᠨ ᠤ ᠵᠠᠮ ᠪᠤᠯᠤᠨ ᠪᠡᠭᠡᠵᠢᠩ ᠬᠦᠷᠬᠦ ᠲᠦᠷᠭᠡᠨ ᠬᠤᠷᠳᠤᠴᠠᠳᠤ | ᠵᠠᠰᠠᠮᠠᠯ ᠵᠠᠮ ᠢ ᠪᠠᠶᠢᠭᠤᠯᠵᠤ ᠲᠠᠭᠤᠰᠬᠠᠨ ᠲᠡᠷᠭᠡ ᠨᠡᠪᠳᠡᠷᠡᠪᠡ︔ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠤᠨ | ᠲᠠᠪᠬᠤᠷ ᠱᠤᠭᠤᠮ᠂ ᠰᠢᠯᠢᠩᠬᠤᠳᠠ ᠠᠴᠠ ᠲᠤᠯᠤᠨ ᠨᠤᠤᠷ ᠬᠦᠷᠬᠦ ᠲᠡᠮᠦᠷ ᠵᠠᠮ ᠤᠨ ᠲᠠᠪᠬᠤᠷ ᠱᠤᠭᠤᠮ ᠪᠤᠯᠤᠨ | ᠰᠢᠯᠤᠭᠤᠨ ᠬᠦᠬᠡ ᠠᠴᠠ ᠪᠤᠷᠤᠬᠤᠳᠠ ᠬᠦᠷᠬᠦ ᠲᠡᠮᠦᠷ ᠵᠠᠮ ᠤᠨ ᠪᠠᠶᠢᠭᠤᠯᠤᠯᠳᠠ ᠶᠢ ᠢᠯᠭᠤᠮ ᠠᠬᠢᠭᠤᠯᠵᠤ᠂ ᠰᠢᠯᠢ | ᠶᠢᠨ ᠭᠤᠤᠯ ᠠᠶᠢᠮᠠᠭ ᠠᠴᠠ ᠵᠢᠨᠠᠨ ᠬᠦᠷᠬᠦ ᠤᠨᠴᠠ ᠦᠨᠳᠦᠷ ᠬᠦᠴᠦᠯᠳᠠᠳᠤ ᠴᠠᠬᠢᠯᠭᠠᠨ ᠬᠦᠴᠦᠨ ᠢ ᠭᠠᠳᠠᠬᠰᠢ | ᠬᠦᠷᠭᠡᠬᠦ ᠵᠠᠮ ᠢ ᠡᠬᠢᠯᠡᠨ ᠪᠠᠶᠢᠭᠤᠯᠪᠠ᠃ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠨᠢᠭᠡᠳᠦᠯᠳᠠᠢ | ᠲᠦᠯᠦᠪᠵᠢᠨ ᠠᠬᠢᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠡᠴᠦᠰ ᠪᠤᠯᠬᠤ ᠳᠤ᠂ | ᠱᠠᠩᠳᠤ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠲᠠᠯᠠᠪᠠᠢ 13.73 ᠲᠡᠭᠰᠢ ᠲᠦᠷᠪᠡᠯᠵᠢᠨ ᠺᠢᠯᠤᠮᠧᠲᠷ ᠲᠤ | ᠬᠦᠷᠴᠦ᠂ ︽ᠲᠦᠷᠪᠡᠨ ᠭᠤᠤᠯᠳᠤ ᠵᠢᠷᠭᠤᠭᠠᠨ ᠬᠦᠨᠳᠡᠯᠡᠨ︾ ᠵᠠᠮ ᠱᠤᠭᠤᠮ ᠤᠨ ᠲᠤᠤᠷ ᠰᠦᠯᠵᠢᠶ᠎ᠡ ᠦᠨᠳᠦᠰᠦᠨ | ᠳᠡᠭᠡᠨ ᠪᠦᠷᠢᠯᠳᠦᠨ᠂ ᠲᠦᠬᠡᠭᠡᠯ ᠤᠰᠤ᠂ ᠨᠡᠶᠢᠳᠡ ᠶᠢᠨ ᠲᠤᠯᠠᠭᠠᠯᠭ᠎ᠠ ᠪᠤᠯᠤᠨ ᠪᠤᠬᠢᠷ ᠤᠰᠤᠨ ᠤ ᠰᠢᠢᠳᠪᠦᠷᠢᠯᠡᠯᠳᠡ | ᠶᠢᠨ ᠨᠤᠷᠮ᠎ᠠ ᠲᠤᠰᠪᠤᠷᠢ 96.4 %᠂ 64 %᠂ 81% ᠳᠤ ᠬᠦᠷᠴᠦ᠂ ᠪᠦᠬᠦ ᠬᠤᠰᠢᠭᠤᠨ ᠤ | ᠨᠤᠭᠤᠭᠠᠷᠠᠭᠤᠯᠤᠯᠳᠠ ᠶᠢᠨ ᠶᠡᠷᠦᠩᠬᠡᠢ ᠲᠠᠯᠠᠪᠠᠢ 496 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂ | ᠬᠦᠮᠦᠨ ᠪᠦᠷᠢ ᠳᠤ ᠲᠡᠭᠰᠢᠳᠭᠡᠭᠰᠡᠨ ᠤᠯᠠᠨ ᠨᠡᠶᠢᠳᠡ ᠶᠢᠨ ᠨᠤᠭᠤᠭᠠᠷᠠᠭᠤᠯᠤᠯᠳᠠ ᠶᠢᠨ ᠲᠠᠯᠠᠪᠠᠢ 83.7 ᠲᠡᠭᠰᠢ | ᠲᠦᠷᠪᠡᠯᠵᠢᠨ ᠮᠧᠲᠷ ᠲᠤ ᠬᠦᠷᠦᠨ᠂ ᠬᠤᠳᠠ ᠶᠢᠨ ᠨᠤᠭᠤᠭᠠᠷᠠᠭᠤᠯᠤᠯᠳᠠ ᠶᠢᠨ ᠪᠦᠷᠬᠦᠴᠡ ᠶᠢᠨ ᠨᠤᠷᠮ᠎ᠠ 36.4% | ᠳᠤ ᠬᠦᠷᠴᠦ᠂ ᠦᠪᠡᠷᠳᠡᠭᠡᠨ ᠵᠠᠰᠠᠬᠤ ᠤᠷᠤᠨ ᠤ ᠴᠡᠴᠡᠷᠯᠢᠭᠵᠢᠭᠰᠡᠨ ᠬᠤᠰᠢᠭᠤ ᠰᠢᠶᠠᠨ ᠬᠤᠳᠠ ᠪᠠᠷ ᠰᠤᠩᠭᠤᠬᠳᠠᠨ᠂ | ᠰᠠᠩ ᠤᠨ ᠲᠠᠯᠠᠢ ᠪᠠᠯᠭᠠᠰᠤᠨ ᠤ ᠵᠢᠵᠢᠭ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠶᠡᠷᠦᠩᠬᠡᠢ | ᠲᠦᠯᠦᠪᠵᠢᠭᠦᠯᠭᠡ ᠶᠢ ᠲᠤᠭᠤᠷᠪᠢᠵᠤ ᠲᠠᠭᠤᠰᠬᠠᠪᠠ᠃ ︽ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠨᠢ | ᠨᠡᠶᠢᠳᠡ 6.8 ᠳ᠋ᠦᠩᠰᠢᠭᠤᠷ ᠲᠦᠭᠦᠷᠢᠭ ᠤᠷᠤᠭᠤᠯᠵᠤ᠂ ᠪᠦᠬᠦ ᠬᠤᠰᠢᠭᠤᠨ ᠤ 80% ᠶᠢᠨ ᠵᠠᠰᠠᠭ ᠵᠠᠬᠢᠷᠭᠠᠨ ᠤ | ᠭᠠᠴᠠᠭ᠎ᠠ ᠲᠤᠰᠬᠤᠨ ᠢ ᠪᠦᠬᠦᠨ ᠢ ᠪᠦᠷᠬᠦᠬᠦ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ | ᠤᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠶᠡᠭᠡ ᠪᠠᠷ ᠲᠡᠭᠡᠭᠰᠢᠯᠡᠵᠤ᠂ ᠠᠵᠤ ᠦᠢᠯᠡᠰᠵᠢᠭᠰᠡᠨ | ᠬᠦᠭᠵᠢᠯᠳᠡ ᠳᠤ ᠬᠦᠴᠦᠳᠠᠢ ᠪᠠᠳᠤᠯᠠᠭ᠎ᠠ ᠬᠠᠩᠭᠠᠪᠠ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠢᠯᠡᠳᠳᠡ | ᠦᠷ᠎ᠡ ᠪᠦᠳᠦᠮᠵᠢ ᠤᠯᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠨᠡᠶᠢᠳᠡ 83.6 | ᠲᠦᠮᠡᠨ ᠮᠤ᠋ ᠲᠠᠯᠠᠪᠠᠢ ᠳᠤ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠢᠨᠵᠧᠨᠧᠷᠢᠩ ᠢ ᠪᠡᠶᠡᠯᠡᠭᠦᠯᠵᠦ᠂ | 1.49 ᠲᠦᠮᠡᠨ ᠮᠤ᠋ ᠶᠢᠨ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠤᠨ᠂ ᠤᠢ ᠰᠢᠭᠤᠢ ᠶᠢᠨ | ᠶᠡᠷᠦᠩᠬᠡᠢ ᠲᠠᠯᠠᠪᠠᠢ 672 ᠲᠦᠮᠡᠨ ᠮᠤ᠋ ᠳᠤ ᠬᠦᠷᠴᠦ᠂ ᠤᠢ ᠮᠤᠳᠤᠨ ᠤ ᠪᠦᠷᠬᠦᠴᠡ ᠶᠢᠨ ᠨᠤᠷᠮ᠎ᠠ 20.5% ᠳᠤ | ᠬᠦᠷᠦᠨ᠂ ᠬᠤᠯᠠᠨ ᠰᠢᠷᠭ᠎ᠠ ᠲᠠᠭ᠎ᠠ ᠶᠢᠨ ᠡᠯᠡᠰᠤᠨ ᠤ ᠡᠮᠦᠨ᠎ᠡ ᠬᠢᠵᠠᠭᠠᠷ ᠢ ᠬᠦᠨᠳᠡᠯᠡᠨ ᠲᠤᠭᠤᠯᠤᠬᠰᠠᠨ ᠨᠤᠭᠤᠭᠠᠨ | ᠦᠩᠭᠡᠳᠦ ᠠᠮᠢ ᠠᠬᠤᠢ ᠶᠢᠨ ᠬᠠᠯᠬᠠᠪᠴᠢ ᠠᠩᠬ᠎ᠠ ᠠᠯᠬᠤᠮ ᠪᠦᠷᠢᠯᠳᠦᠪᠡ᠃ | ︵ᠭᠤᠷᠪᠠ︶ ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠤᠯᠠᠮ ᠨᠢᠭᠡ ᠠᠯᠬᠤᠮ ᠲᠡᠭᠦᠯᠳᠡᠷᠵᠢᠪᠡ᠃ | ᠲᠠᠪᠤᠨ ᠵᠢᠯ ᠤᠨ ᠲᠤᠷᠰᠢ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠤᠨ ᠲᠠᠯ᠎ᠠ ᠳᠤ ᠨᠡᠶᠢᠳᠡ 31.8 | ᠳ᠋ᠦᠩᠰᠢᠭᠤᠷ ᠲᠦᠭᠦᠷᠢᠭ ᠤᠷᠤᠭᠤᠯᠵᠤ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ | 3.2 ᠲᠠᠬᠢᠨ ᠢᠶᠠᠷ ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠮᠳᠠᠴᠢ ᠡᠵᠡᠮᠳᠡᠵᠦ | ᠪᠤᠯᠬᠤᠶᠢᠴᠠ ᠤᠷᠤᠯᠭ᠎ᠠ ᠵᠢᠯ ᠪᠦᠷᠢ ᠲᠤᠮᠳᠠᠴᠢ ᠪᠠᠷ 11.5% ᠪᠠ 15.1% ᠪᠠᠷ ᠨᠡᠮᠡᠭᠳᠡᠵᠦ᠂ ᠬᠤᠳᠠ ᠬᠦᠳᠡᠭᠡ | ᠶᠢᠨ ᠤᠷᠤᠯᠭ᠎ᠠ ᠶᠢᠨ ᠵᠦᠷᠢᠶ᠎ᠡ ᠨᠢ ᠤᠤᠯ ᠤᠨ 2.3᠄ 1 ᠠᠴᠠ ᠪᠠᠨ 2.2᠄ 1 ᠪᠤᠯᠤᠨ ᠪᠠᠭᠤᠷᠠᠪᠠ᠃ ᠨᠡᠶᠢᠭᠡᠮ | ᠤᠨ ᠪᠠᠳᠤᠯᠠᠭ᠎ᠠ ᠶᠢᠨ ᠪᠦᠷᠬᠦᠴᠡ ᠶᠢᠨ ᠬᠡᠮᠵᠢᠶ᠎ᠡ ᠲᠤᠬᠳᠠᠭᠤᠨ ᠢᠶᠠᠷ ᠨᠡᠮᠡᠭᠳᠡᠵᠦ᠂ ᠮᠠᠯᠴᠢᠨ ᠲᠠᠷᠢᠶᠠᠴᠢᠳ ᠤᠨ | ᠬᠤᠷᠰᠢᠬᠰᠠᠨ ᠡᠮᠨᠡᠯᠭᠡ ᠶᠢᠨ ᠲᠠᠭᠠᠳᠬᠠᠯ ᠳᠤ ᠤᠷᠤᠯᠴᠠᠬᠰᠠᠨ ᠨᠤᠷᠮ᠎ᠠ 98.3% ᠠᠴᠠ ᠲᠡᠭᠡᠭᠰᠢ ᠳᠤ ᠬᠦᠷᠦᠨ᠂ | ᠨᠠᠰᠤᠵᠢᠯ ᠤᠨ ᠲᠠᠭᠠᠳᠬᠠᠯ ᠤᠨ ᠪᠠᠳᠤᠯᠠᠭ᠎ᠠ ᠶᠢᠨ ᠰᠢᠰᠲ᠋ᠧᠮ ᠨᠢ ᠬᠤᠳᠠ ᠪᠠᠯᠭᠠᠰᠤᠨ ᠤ ᠠᠵᠤ ᠠᠬᠤᠶᠢᠯᠠᠯ ᠤᠨ | ᠠᠵᠢᠯᠳᠠᠳ᠂ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠪᠤᠯᠤᠨ ᠠᠮᠢᠳᠤᠯᠢᠭ ᠢᠶᠠᠷ ᠠᠵᠢᠯ ᠤᠯᠭᠤᠬᠤ | ᠬᠦᠮᠦᠰ ᠢ ᠦᠨᠳᠦᠰᠦᠨ ᠳᠡᠭᠡᠨ ᠪᠦᠷᠬᠦᠪᠡ᠃ ᠶᠠᠳᠠᠭᠤ ᠶᠢ ᠲᠡᠳᠬᠦᠵᠦ ᠨᠡᠭᠡᠭᠡᠨ ᠬᠦᠭᠵᠢᠭᠦᠯᠬᠦ ᠪᠠ ᠦᠢᠯᠡᠰ ᠪᠤᠰᠬᠠᠵᠤ | ᠠᠵᠢᠯ ᠤᠯᠭᠤᠬᠤ ᠢᠨᠵᠧᠨᠧᠷᠢᠩ ᠢ ᠬᠦᠴᠦᠳᠠᠢ ᠬᠡᠷᠡᠭᠵᠢᠭᠦᠯᠵᠦ᠂ ᠲᠠᠪᠤᠨ ᠵᠢᠯ ᠤᠨ ᠲᠤᠷᠰᠢ 7621 ᠬᠦᠮᠦᠨ ᠢ | ᠲᠤᠬᠳᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠤᠨ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ | ᠤᠯᠤᠬᠰᠠᠨ ᠬᠦᠮᠦᠨ 8760 ᠳᠤ ᠬᠦᠷᠴᠦ᠂ ᠦᠢᠯᠡᠰ ᠪᠤᠰᠬᠠᠯᠳᠠ ᠪᠠᠷ ᠠᠵᠢᠯ ᠤᠯᠭᠤᠯᠳᠠ ᠶᠢ ᠲᠠᠶᠢᠴᠢᠯᠠᠨ | 5500 ᠬᠦᠮᠦᠨ ᠳᠤ ᠠᠵᠢᠯ ᠤᠯᠭᠤᠵᠤ᠂ ᠬᠤᠳᠠ ᠪᠠᠯᠭᠠᠰᠤᠨ ᠤ ᠪᠦᠷᠢᠳᠭᠡᠭᠰᠡᠨ ᠠᠵᠢᠯ ᠠᠯᠳᠠᠬᠰᠠᠳ ᠤᠨ ᠨᠤᠷᠮ᠎ᠠ | ᠶᠢ 3.5% ᠶᠢᠨ ᠲᠤᠳᠤᠷ᠎ᠠ ᠬᠢᠵᠠᠭᠠᠷᠯᠠᠪᠠ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ ᠲᠡᠯᠡᠬᠡᠢ ᠶᠢᠨ ᠰᠤᠶᠤᠯ ᠤᠨ ᠦᠪ ᠢᠶᠠᠷ ᠠᠮᠵᠢᠯᠳᠠ ᠲᠠᠢ ᠪᠠᠷ | ᠡᠷᠡᠮᠡᠯᠵᠡᠯᠡᠨ ᠪᠦᠷᠢᠳᠬᠡᠭᠦᠯᠵᠦ᠂ ᠤᠯᠤᠰ ᠤᠨ ᠪᠠ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠲᠦᠰᠦᠯ ᠲᠤᠰᠪᠤᠷᠢ 2 ᠲᠦᠷᠦᠯ ᠪᠠ 11 ᠲᠦᠷᠦᠯ ᠪᠠᠶᠢᠵᠤ᠂ ᠷᠠᠳᠢᠤ᠋᠂ ᠲᠧᠯᠸᠢᠰ ᠤᠨ ᠶᠡᠷᠦᠩᠬᠡᠶᠢᠯᠡᠭᠰᠡᠨ | ᠪᠦᠷᠬᠦᠴᠡ ᠶᠢᠨ ᠨᠤᠷᠮ᠎ᠠ ᠲᠤᠰᠪᠤᠷᠢ 96% ᠪᠠ 97% ᠳᠤ ᠬᠦᠷᠪᠡ︔ ᠪᠦᠬᠦ ᠬᠤᠰᠢᠭᠤᠨ ᠤ ᠰᠦᠢᠳᠬᠡᠯ | ᠬᠡᠯᠳᠦᠷᠢᠭᠦᠯᠬᠦ ᠰᠤᠷᠭᠠᠨ ᠬᠦᠮᠦᠵᠢᠯ ᠢ ᠦᠨᠳᠦᠷ ᠲᠤᠮᠳᠠᠳᠤ ᠶᠢᠨ ᠱᠠᠳᠤᠨ ᠳᠤ ᠬᠦᠷᠳᠡᠯ᠎ᠡ ᠲᠦᠭᠡᠮᠡᠯᠵᠢᠭᠦᠯᠵᠦ᠂ ᠡᠯ᠎ᠡ | ᠰᠤᠷᠭᠠᠭᠤᠯᠢ ᠨᠢ ᠴᠦᠮ ᠰᠤᠷᠭᠠᠭᠤᠯᠢ ᠡᠷᠬᠢᠯᠡᠬᠦ ᠨᠦᠬᠦᠴᠡᠯ ᠤᠨ ᠪᠠᠷᠢᠮᠵᠢᠶᠠᠵᠢᠬᠰᠠᠨ ᠬᠢᠷᠢ ᠲᠦᠪᠰᠢᠨ ᠢ | ᠪᠡᠶᠡᠯᠡᠭᠦᠯᠪᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ︵ᠡᠷᠡᠭᠦᠯ ᠬᠠᠮᠠᠭᠠᠯᠠᠯ ᠤᠨ ᠲᠠᠰᠤᠭ ᠢ | ᠪᠠᠭᠳᠠᠭᠠᠨ᠎ᠠ︶ 87᠂ ᠡᠪᠡᠳᠴᠢᠳᠡᠨ ᠤ ᠤᠷᠤ 363 ᠳᠤ ᠲᠤᠰ ᠲᠤᠰ ᠬᠦᠷᠴᠦ᠂ ︽ᠠᠷᠪᠠᠨ ᠨᠢᠭᠡᠳᠦᠭᠡᠷ ᠲᠠᠪᠤᠨ | ᠵᠢᠯ︾ ᠤᠨ ᠬᠤᠭᠤᠴᠠᠭ᠎ᠠ ᠰᠡᠭᠦᠯᠴᠢ ᠶᠢᠨ ᠬᠢ ᠠᠴᠠ ᠲᠤᠰᠪᠤᠷᠢ 12% ᠪᠠ 28% ᠪᠠᠷ ᠨᠡᠮᠡᠭᠳᠡᠭᠰᠡᠨ ᠪᠠᠶᠢᠨ᠎ᠠ᠃ | ︵ᠲᠦᠷᠪᠡ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠤᠯᠠᠮ ᠨᠢᠭᠡ ᠠᠯᠬᠤᠮ | ᠴᠢᠩᠭᠠᠷᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠰᠠᠬᠢᠯᠭ᠎ᠠ ᠵᠢᠷᠤᠮ ᠢ ᠴᠢᠩᠭ᠎ᠠ | ᠵᠢᠷᠤᠮᠯᠠᠵᠤ᠂ ᠲᠦᠪ ᠤᠨ ᠨᠠᠢᠮᠠᠨ ᠵᠤᠷᠪᠤᠰ ᠲᠤᠬᠳᠠᠭᠠᠯ᠂ ᠦᠪᠡᠷᠳᠡᠭᠡᠨ ᠵᠠᠰᠠᠬᠤ ᠤᠷᠤᠨ ᠤ 28 ᠢᠵᠢ | ᠪᠦᠷᠢᠳᠦᠭᠰᠡᠨ ᠲᠦᠷᠢᠮ ᠲᠤᠬᠳᠠᠭᠠᠯ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠢᠵᠢ ᠪᠦᠷᠢᠳᠦᠭᠰᠡᠨ | ᠲᠦᠷᠢᠮ ᠲᠤᠬᠳᠠᠭᠠᠯ ᠢ ᠴᠢᠩᠭ᠎ᠠ ᠬᠡᠷᠡᠭᠵᠢᠭᠦᠯᠦᠨ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ | ᠦᠢᠯᠡᠳᠦᠯᠭᠡ ᠶᠢᠨ ᠠᠵᠢᠯᠯᠠᠭ᠎ᠠ ᠵᠢᠴᠢ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠦᠪᠳᠦ ᠬᠦᠮᠦᠵᠢᠯ | ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠪᠡ᠃ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠴᠠᠭᠠᠬᠤ ᠪᠠ ᠬᠢᠨᠠᠨ ᠪᠤᠳᠤᠬᠤ ᠬᠦᠴᠦᠯᠡᠴᠡ | ᠶᠢ ᠨᠡᠮᠡᠭᠳᠡᠭᠦᠯᠵᠦ᠂ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠬᠤᠷᠢᠬᠯᠠᠬᠤ ᠲᠤᠬᠳᠠᠯᠴᠠᠭᠠᠨ ᠤ | ᠪᠠᠶᠢᠭᠤᠯᠤᠯᠳᠠ ᠶᠢ ᠴᠢᠩᠭᠠᠳᠬᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ | ᠬᠢᠨᠠᠯᠳᠠ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ | ᠂ ᠡᠯ᠎ᠡ ᠠᠷᠠᠳᠴᠢᠯᠠᠬᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ ᠤᠨ | ᠪᠤᠰᠤ ᠬᠦᠮᠦᠰ ᠤᠨ ᠰᠠᠨᠠᠯ ᠢ ᠨᠠᠷᠢᠨ ᠬᠢᠨᠠᠮᠠᠭᠠᠢ ᠰᠤᠨᠤᠰᠪᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠪᠠ ᠵᠠᠰᠠᠭ | ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠂ 91 ᠵᠤᠷᠪᠤᠰ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠲᠦᠷᠦᠯ ᠵᠦᠢᠯ ᠢ ᠬᠦᠴᠦᠨ ᠦᠭᠡᠢ ᠪᠤᠯᠭᠠᠵᠤ᠂ ᠪᠠᠷᠢᠮᠵᠢᠶ᠎ᠠ ᠠᠴᠠ ᠬᠡᠳᠦᠷᠡᠭᠰᠡᠨ ᠠᠯᠪᠠᠯᠠᠬᠤ ᠳᠤ | ᠬᠡᠷᠡᠭᠯᠡᠬᠦ ᠭᠡᠷ ᠪᠠ ᠲᠡᠷᠭᠡ ᠶᠢ ᠪᠦᠬᠦ ᠲᠠᠯ᠎ᠠ ᠪᠠᠷ ᠴᠡᠪᠡᠷᠯᠡᠨ᠂ ︽ᠭᠤᠷᠪᠠᠨ ᠲᠦᠷᠦᠯ ᠤᠨ ᠠᠯᠪᠠᠨ ᠵᠠᠷᠤᠳᠠᠯ︾ ᠢ | ᠪᠦᠬᠦ ᠬᠦᠴᠦᠨ ᠢᠶᠠᠷ ᠢᠶᠠᠨ ᠪᠠᠭᠠᠰᠬᠠᠪᠠ᠃ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠡᠶᠡᠳᠦᠭᠦᠯᠬᠦ ᠲᠤᠬᠳᠠᠯᠴᠠᠭ᠎ᠠ | ᠲᠠᠰᠤᠷᠠᠯᠳᠠ ᠦᠭᠡᠢ ᠲᠡᠭᠦᠯᠳᠡᠷᠵᠢᠵᠦ᠂ ᠨᠡᠶᠢᠭᠡᠮ ᠤᠨ ᠠᠮᠤᠷ ᠲᠦᠪᠰᠢᠨ ᠢ ᠵᠠᠰᠠᠬᠤ ᠬᠢᠷᠢ ᠲᠦᠪᠰᠢᠨ ᠲᠤᠬᠳᠠᠭᠤᠨ | ᠢᠶᠠᠷ ᠲᠡᠭᠡᠭᠰᠢᠯᠡᠨ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠤᠬᠳᠠᠪᠤᠷᠢᠵᠢᠵᠤ᠂ ᠤᠯᠠᠨ | ᠲᠦᠮᠡᠨ ᠤ ᠠᠮᠤᠷ ᠲᠦᠪᠰᠢᠨ ᠰᠡᠳᠬᠢᠯᠭᠡ ᠪᠠ ᠰᠡᠳᠬᠢᠯ ᠬᠠᠨᠤᠮᠵᠢᠳᠠᠢ ᠪᠠᠶᠢᠬᠤ ᠬᠡᠮᠵᠢᠶ᠎ᠡ ᠢᠯᠡᠳᠳᠡ ᠲᠡᠭᠡᠭᠰᠢᠯᠡᠪᠡ᠃ | ᠲᠦᠯᠦᠭᠡᠯᠡᠭᠴᠢᠳ ᠡ᠂ 2015 ᠤᠨ ᠪᠤᠯ ︽ᠠᠷᠪᠠᠨ ᠬᠤᠶᠠᠳᠤᠭᠠᠷ ᠲᠠᠪᠤᠨ ᠵᠢᠯ︾ ᠤᠨ ᠬᠠᠮᠤᠭ ᠡᠴᠦᠰ | ᠤᠨ ᠵᠢᠯ ᠮᠦᠨ᠃ ᠦᠩᠭᠡᠷᠡᠭᠰᠡᠨ ᠨᠢᠭᠡ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ | ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠪᠢᠳᠡ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ | ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠬᠳᠠᠭᠤᠨ ᠢᠶᠠᠷ ᠨᠡᠮᠡᠭᠳᠡᠭᠦᠯᠬᠦ᠂ ᠪᠦᠳᠦᠴᠡ | ᠶᠢ ᠲᠤᠬᠢᠷᠠᠭᠤᠯᠬᠤ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠵᠡᠷᠭᠡ | ᠡᠯ᠎ᠡ ᠲᠦᠷᠦᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ | ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠬᠰᠠᠨ ᠢᠶᠠᠷ | ᠡᠯ᠎ᠡ ᠲᠦᠷᠦᠯ ᠤᠨ ᠠᠵᠢᠯ ᠬᠦᠴᠦᠳᠠᠢ ᠠᠬᠢᠵᠦ᠂ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ | ᠦᠷᠭᠦᠯᠵᠢᠯᠡᠨ ᠡᠷᠡᠭᠦᠯ ᠲᠤᠬᠳᠠᠭᠤᠨ ᠢᠶᠠᠷ ᠬᠦᠭᠵᠢᠪᠡ ᠃ ᠪᠦᠬᠦ ᠵᠢᠯ ᠤᠨ ᠭᠠᠵᠠᠷ ᠤᠷᠤᠨ ᠤ ᠦᠢᠯᠡᠳᠪᠦᠷᠢᠯᠡᠯ ᠤᠨ | ᠶᠡᠷᠦᠩᠬᠡᠢ ᠦᠷᠳᠡᠭ ᠢ 69.7 ᠳ᠋ᠦᠩᠰᠢᠭᠤᠷ ᠲᠦᠭᠦᠷᠢᠭ ᠪᠡᠶᠡᠯᠡᠭᠦᠯᠵᠦ᠂ 7.5 % ᠪᠠᠷ ᠨᠡᠮᠡᠭᠳᠡᠭᠦᠯᠪᠡ︔ ᠡᠭᠦᠨ | ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 7 ᠳ᠋ᠦᠩᠰᠢᠭᠤᠷ ᠲᠦᠭᠦᠷᠢᠭ ᠪᠡᠶᠡᠯᠡᠭᠦᠯᠦᠨ᠂ 4.7 % | ᠪᠠᠷ ᠨᠡᠮᠡᠭᠳᠡᠭᠦᠯᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 47.3 ᠳ᠋ᠦᠩᠰᠢᠭᠤᠷ ᠲᠦᠭᠦᠷᠢᠭ | ᠪᠡᠶᠡᠯᠡᠭᠦᠯᠦᠨ᠂ 7.9 % ᠪᠠᠷ ᠨᠡᠮᠡᠭᠳᠡᠭᠦᠯᠵᠦ ︵ᠡᠭᠦᠨ ᠳᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ | 42.7 ᠳ᠋ᠦᠩᠰᠢᠭᠤᠷ ᠲᠦᠭᠦᠷᠢᠭ ᠪᠡᠶᠡᠯᠡᠭᠦᠯᠵᠦ᠂ 7.5 % ᠪᠠᠷ ᠨᠡᠮᠡᠭᠳᠡᠭᠦᠯᠪᠡ︶᠂ ᠭᠤᠷᠪᠠᠳᠤᠭᠠᠷ ᠠᠵᠤ | ᠦᠢᠯᠡᠰ ᠤᠨ ᠨᠠᠮᠡᠭᠳᠡᠯ ᠦᠷᠳᠡᠭ ᠢ 15.4 ᠳ᠋ᠦᠩᠰᠢᠭᠤᠷ ᠲᠦᠭᠦᠷᠢᠭ ᠪᠡᠶᠡᠯᠡᠭᠦᠯᠦᠨ᠂ 7.4 % ᠪᠠᠷ | ᠨᠡᠮᠡᠭᠳᠡᠭᠦᠯᠪᠡ︔ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 52.2 ᠳ᠋ᠦᠩᠰᠢᠭᠤᠷ | ᠲᠦᠭᠦᠷᠢᠭ ᠪᠡᠶᠡᠯᠡᠭᠦᠯᠦᠨ᠂ 14 % ᠪᠠᠷ ᠨᠡᠮᠡᠭᠳᠡᠭᠦᠯᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ | ᠲᠦᠰᠦᠪ ᠤᠨ ᠤᠷᠤᠯᠭ᠎ᠠ ᠶᠢ 5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 6.1 % ᠪᠠᠷ ᠨᠡᠮᠡᠭᠳᠡᠭᠦᠯᠦᠨ᠂ | ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠢ 12.7 ᠳ᠋ᠦᠩᠰᠢᠭᠤᠷ | ᠲᠦᠭᠦᠷᠢᠭ ᠲᠤ ᠬᠦᠷᠭᠡᠵᠦ᠂ 7 % ᠪᠠᠷ ᠨᠡᠮᠡᠭᠳᠡᠭᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢ ᠲᠤᠰ ᠲᠤᠰ 29933 ᠲᠦᠭᠦᠷᠢᠭ ᠪᠠ | 13639 ᠲᠦᠭᠦᠷᠢᠭ ᠲᠤ ᠬᠦᠷᠭᠡᠨ᠂ ᠲᠤᠰᠪᠤᠷᠢ 8.1 % ᠪᠠ 7.7 % ᠪᠠᠷ ᠨᠡᠮᠡᠭᠳᠡᠭᠦᠯᠵᠦ᠂ ᠵᠢᠯ ᠤᠨ ᠡᠬᠢᠨ | ᠳᠤ ᠲᠦᠰᠦᠪᠯᠡᠭᠰᠡᠨ ᠡᠯ᠎ᠡ ᠲᠦᠷᠦᠯ ᠤᠨ ᠬᠠᠷᠠᠯᠳᠠ ᠡᠭᠦᠷᠭᠡ ᠪᠠᠨ ᠨᠡᠯᠢᠶᠡᠳ ᠰᠠᠶᠢᠳᠤᠷ ᠪᠡᠶᠡᠯᠡᠭᠦᠯᠪᠡ᠃ ᠨᠢᠭᠡ ᠵᠢᠯ | ᠤᠨ ᠲᠤᠷᠰᠢ᠂ ᠪᠢᠳᠡ ᠭᠤᠤᠯᠳᠠᠭᠤ ᠲᠤᠤᠷᠠᠬᠢ ᠬᠡᠳᠦᠨ ᠲᠠᠯ᠎ᠠ ᠶᠢᠨ ᠠᠵᠢᠯ ᠢ ᠬᠢᠪᠡ᠃ | ︵ᠨᠢᠭᠡ︶ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠤᠬᠳᠠᠪᠤᠷᠢᠵᠢᠭᠤᠯᠪᠠ᠃ ᠮᠠᠯ | ᠲᠠᠷᠢᠶᠠᠯᠠᠩ ᠤᠨ ᠠᠵᠤ ᠦᠢᠯᠡᠰᠵᠢᠭᠰᠡᠨ ᠬᠦᠭᠵᠢᠯᠳᠡ ᠶᠢ ᠢᠳᠡᠪᠬᠢᠳᠠᠢ ᠲᠡᠮᠵᠢᠪᠡ᠃ ᠮᠠᠯᠵᠢᠯ ᠤᠨ ᠤᠨ ᠤ ᠮᠠᠯ ᠤᠨ | ᠶᠡᠷᠦᠩᠬᠡᠢ ᠲᠤᠭ᠎ᠠ ᠲᠤᠯᠤᠭᠠᠢ 66.6 ᠲᠦᠮᠡ ᠳᠤ ᠬᠦᠷᠴᠦ᠂ 40 ᠲᠦᠮᠡᠨ ᠲᠤᠯᠤᠭᠠᠢ ᠮᠠᠯ ᠵᠠᠷᠤᠴᠠᠭᠤᠯᠤᠨ᠂ 9.4 | ᠲᠦᠮᠡᠨ ᠲᠤᠯᠤᠭᠠᠢ ᠦᠨᠢᠶᠡᠨ ᠳᠤ ᠢᠴᠡᠭᠡᠯ ᠦᠷ᠎ᠡ ᠶᠢᠨ ᠬᠡᠬᠡᠯᠳᠦᠬᠦᠯᠭᠡ ᠬᠢᠪᠡ︔ 4 ᠰᠠᠭᠤᠷᠢ ᠰᠠᠭᠠᠯᠢ ᠶᠢᠨ | ᠦᠨᠢᠶᠡᠨ ᠤ ᠪᠠᠷᠢᠮᠵᠢᠶᠠᠵᠢᠵᠤ ᠬᠡᠪᠴᠢᠶᠡᠵᠢᠭᠰᠡᠨ ᠠᠷᠠᠴᠢᠯᠠᠨ ᠮᠠᠯᠵᠢᠬᠤ ᠲᠠᠯᠠᠪᠠᠢ᠂ 43 ᠰᠠᠭᠤᠷᠢ ᠠᠯᠠᠰᠢᠨ ᠦᠬᠡᠷ | ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠤᠶᠤ ᠦᠷᠭᠡᠳᠭᠡᠨ ᠪᠠᠶᠢᠭᠤᠯᠵᠤ᠂ ᠰᠢᠮᠧᠨ᠋ᠲᠷ ᠦᠬᠡᠷ | ᠤᠨ ᠭᠤᠤᠯᠳᠠᠯᠭᠠᠳᠤ ᠰᠦᠷᠦᠭ ᠢ 27᠂ ᠴᠠᠬᠠᠷ ᠬᠤᠨᠢᠨ ᠤ ᠭᠤᠤᠯᠳᠠᠯᠭᠠᠳᠤ ᠰᠦᠷᠦᠭ ᠢ 12 ᠢ ᠲᠤᠰ ᠲᠤᠰ | ᠭᠠᠷᠭᠠᠵᠤ᠂ 2.65 ᠳ᠋ᠦᠩᠰᠢᠭᠤᠷ ᠺᠢᠯᠤᠭ᠍ᠷᠠᠮ ᠡᠪᠡᠰᠦ ᠬᠠᠳᠤᠵᠤ ᠬᠤᠷᠢᠶᠠᠨ᠂ ᠠᠮᠤ ᠪᠤᠳᠠᠭᠠᠨ ᠤ ᠶᠡᠷᠦᠩᠬᠡᠢ | ᠤᠨᠠᠯᠳᠠ 3.03 ᠲᠦᠮᠡᠨ ᠲᠤᠨ ᠳᠤ ᠬᠦᠷᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠳᠡ ᠶᠢᠨ | ᠲᠤᠬᠢᠷᠠᠭᠤᠯᠤᠯᠳᠠ ᠶᠢ ᠴᠢᠩᠭᠠᠳᠬᠠᠪᠠ᠃ ᠱᠠᠩᠳᠤ ᠴᠠᠬᠢᠯᠭᠠᠨ ᠦᠢᠯᠡᠳᠪᠦᠷᠢ ᠨᠢ ᠪᠦᠬᠦ ᠵᠢᠯ ᠳᠤ 173 ᠳ᠋ᠦᠩᠰᠢᠭᠤᠷ | ᠭᠷᠠᠳᠦ᠋ᠰ ᠴᠠᠬᠢᠯᠭᠠᠨ ᠭᠠᠷᠭᠠᠵᠤ᠂ ᠭᠤᠷᠪᠠᠨ ᠬᠠᠪᠴᠢᠯ ᠤᠨ ᠭᠡᠷᠡᠯᠯᠢᠭ ᠴᠠᠬᠢᠯᠭᠠᠨ ᠵᠡᠷᠭᠡ 5 ᠡᠷᠦᠬᠡ ᠰᠢᠨ᠎ᠡ ᠡᠨᠧᠷᠬᠢ | ᠶᠢᠨ ᠠᠵᠤ ᠠᠬᠤᠶᠢᠯᠠᠯ ᠨᠢ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠡᠩᠨᠡᠭᠡᠨ ᠳᠤ ᠤᠷᠤᠵᠤ᠂ ᠵᠢᠯ | ᠤᠨ ᠲᠤᠳᠤᠷ᠎ᠠ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 16 ᠡᠷᠦᠬᠡ ᠳᠤ | ᠬᠦᠷᠪᠡ᠃ ᠬᠤᠸᠠ ᠶᠢ ᠠᠷᠤ ᠬᠦᠪ ᠤᠨ ᠰᠠᠯᠬᠢᠨ ᠴᠠᠬᠢᠯᠭᠠᠨ᠂ ᠰᠢ ᠪᠸᠢ ᠴᠠᠭᠠᠨ ᠢᠳᠡᠭᠡ ᠡᠳ᠋ᠰᠢᠭᠦᠯᠦᠨ | ᠪᠤᠯᠪᠠᠰᠤᠷᠠᠭᠤᠯᠬᠤ ᠭᠠᠵᠠᠷ᠂ ᠵᠦᠩ ᠪᠤᠤ ᠰᠢᠨ᠎ᠡ ᠬᠡᠯᠪᠡᠷᠢ ᠶᠢᠨ ᠪᠤᠭᠤᠳᠠᠯ ᠤᠨ ᠮᠠᠲ᠋ᠧᠷᠢᠶᠠᠯ᠂ ᠹᠦ᠋ ᠶᠠᠩ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠳᠪᠦᠷᠢ ᠶᠢᠨ ᠲᠦᠰᠦᠯ ᠢ ᠭᠤᠤᠯᠳᠠᠯᠭ᠎ᠠ ᠲᠠᠢ | ᠠᠬᠢᠭᠤᠯᠪᠠ᠃ ᠵᠢᠭᠤᠯᠴᠢᠯᠠᠯ ᠤᠨ ᠦᠢᠯᠡᠰ ᠢᠶᠠᠷ ᠦᠢᠯᠡᠴᠢᠯᠡᠭᠡᠨ ᠤ ᠦᠢᠯᠡᠰ ᠤᠨ ᠵᠡᠷᠭᠡ ᠲᠡᠰ ᠲᠡᠪᠰᠢᠬᠦ | ᠰᠢᠪᠳᠤᠯᠤᠯᠳᠠ ᠪᠤᠯᠭᠠᠬᠤ ᠶᠢ ᠪᠠᠷᠢᠮᠳᠠᠯᠠᠨ᠂ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠳ | ᠢ 54 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ 3.4 ᠳ᠋ᠦᠩᠰᠢᠭᠤᠷ ᠲᠦᠭᠦᠷᠢᠭ ᠤᠨ ᠤᠷᠤᠯᠭ᠎ᠠ ᠡᠭᠦᠳᠪᠡ︔ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢᠳᠣ ᠣᠷᠣᠨ ᠨᠢ ᠤᠯᠤᠰ ᠤᠨ 4A ᠲᠡᠰ ᠤᠨ | ᠦᠵᠡᠮᠵᠢᠳᠦ ᠤᠷᠤᠨ ᠢᠶᠠᠷ ᠦᠨᠡᠯᠡᠭᠳᠡᠵᠦ᠂ ︽2015 ᠤᠨ ᠤ ᠪᠦᠬᠦ ᠤᠯᠤᠰ ᠤᠨ ᠰᠢᠯᠢᠳᠡᠭ ᠵᠢᠭᠤᠯᠴᠢᠯᠠᠯ ᠤᠨ | ᠲᠦᠰᠦᠯ ᠤᠨ ᠨᠡᠷᠡᠰ︾ ᠲᠤ ᠠᠮᠵᠢᠯᠳᠠ ᠲᠠᠢ ᠪᠠᠷ ᠰᠤᠩᠭᠤᠬᠳᠠᠨ ᠤᠷᠤᠵᠤ᠂ ᠦᠪᠡᠷᠳᠡᠭᠡᠨ ᠵᠠᠰᠠᠬᠤ ᠤᠷᠤᠨ ᠠᠴᠠ | 14 ᠤᠷᠤᠨ ᠤ ᠲᠡᠰ ᠤᠨ ᠨᠡᠷᠡᠳᠦ ᠵᠢᠭᠤᠯᠴᠢᠯᠠᠯ ᠤᠨ ᠦᠵᠡᠮᠵᠢᠳᠦ ᠤᠷᠤᠨ ᠤ ᠨᠢᠭᠡ ᠪᠠᠷ ᠵᠢᠬᠰᠠᠭᠠᠨ᠂ ᠶᠤᠸᠠᠨ ᠤ | ᠲᠡᠭᠡᠳᠦ ᠨᠡᠶᠢᠰᠯᠡᠯ ᠤᠨ ᠦᠨᠳᠦᠰᠦᠳᠡᠨ ᠤ ᠰᠤᠶᠤᠯ ᠤᠨ ᠤᠨᠴᠠᠯᠢᠬᠳᠤ ᠠᠵᠤ ᠦᠢᠯᠡᠰ ᠤᠨ ᠲᠤᠭᠤᠷᠢᠭ ᠨᠢ ᠤᠯᠤᠰ | ᠤᠨ 2015 ᠤᠨ ᠤ ᠲᠤᠷᠭᠠᠨ ᠵᠠᠮ ᠤᠨ ᠰᠤᠶᠤᠯ ᠤᠨ ᠠᠵᠤ ᠦᠢᠯᠡᠰ ᠤᠨ ᠭᠤᠤᠯᠳᠠᠯᠭ᠎ᠠ ᠲᠠᠢ ᠲᠦᠰᠦᠯ ᠪᠤᠯᠪᠠ︔ | ᠡᠯᠧᠺᠲᠷᠤᠨ ᠬᠤᠳᠠᠯᠳᠤᠭᠠᠨ ᠤ ᠠᠵᠢᠯ ᠲᠦᠷᠦᠯ ᠤᠯᠠᠮ ᠨᠢᠭᠡ ᠠᠯᠬᠤᠮ ᠬᠦᠭᠵᠢᠵᠦ᠂ ᠪᠦᠬᠦ ᠠᠶᠢᠮᠠᠭ ᠤᠨ ᠴᠤᠷᠢ | ᠶᠢᠨ ᠭᠠᠭᠴᠠ ᠤᠯᠤᠰ ᠤᠨ ᠲᠡᠰ ᠤᠨ ᠡᠯᠧᠺᠲᠷᠤᠨ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠤᠷᠤᠨ ᠳᠤ | ᠤᠷᠤᠭᠤᠯᠤᠬᠰᠠᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠪᠤᠯᠵᠠᠢ᠃ | ︵ ᠬᠤᠶᠠᠷ︶ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠪᠠ᠃ | ᠦᠨᠳᠦᠰᠦᠨ ᠨᠤᠳᠤᠭ ᠪᠡᠯᠴᠢᠭᠡᠷ ᠤᠨ ᠬᠠᠮᠠᠭᠠᠯᠠᠯᠳᠠ ᠪᠠ ᠠᠮᠢ ᠠᠬᠤᠢ ᠶᠢᠨ ᠰᠡᠷᠡᠮᠵᠢ ᠶᠢᠨ ᠱᠤᠭᠤᠮ ᠤᠨ | ᠬᠠᠮᠠᠭᠠᠯᠠᠯᠳᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠠᠵᠢᠯ ᠢ ᠢᠳᠡᠪᠬᠢᠳᠠᠢ ᠠᠬᠢᠭᠤᠯᠤᠨ᠂ ᠲᠠᠯ᠎ᠠ ᠨᠤᠳᠤᠭ ᠤᠨ ᠠᠮᠢ | ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠵᠤ᠂ ᠪᠡᠯᠴᠢᠭᠡᠷᠯᠡᠭᠦᠯᠬᠦ ᠶᠢ ᠵᠤᠭᠰᠣᠭᠠᠬᠤ ᠪᠠ ᠮᠠᠯ ᠪᠡᠯᠴᠢᠭᠡᠷ ᠢ ᠲᠠᠩᠴᠠᠭᠦᠷᠢᠰᠢᠭᠦᠯᠬᠦ ᠲᠦᠷᠢᠮ ᠢ | ᠪᠠᠷᠢᠮᠳᠠᠯᠠᠨ᠂ ᠪᠠᠶᠢᠭᠠᠯᠢ ᠶᠢᠨ ᠪᠡᠯᠴᠢᠭᠡᠷ ᠤᠨ ᠲᠠᠯᠠᠪᠠᠢ ᠶᠢᠨ ᠬᠠᠮᠢᠶᠠᠷᠤᠯᠳᠠ ᠶᠢ ᠴᠢᠩᠭᠠᠳᠬᠠᠪᠠ᠃ ᠲᠠᠷᠢᠶᠠᠯᠠᠩ ᠮᠠᠯ | ᠠᠵᠤ ᠠᠬᠤᠢ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠶᠢ ᠨᠠᠮᠡᠭᠳᠡᠭᠦᠯᠦᠨ᠂ | 5.4 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠠᠷᠢᠮᠵᠢᠶᠠᠵᠢᠬᠰᠠᠨ ᠲᠤᠯᠠᠭᠠᠨ ᠫᠧᠩ᠂ 11.5 ᠲᠦᠮᠡᠨ | ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠮᠠᠯ ᠤᠨ ᠬᠤᠷᠤᠭ᠎ᠠ ᠪᠤᠯᠤᠨ 0.4 ᠲᠦᠮᠡᠨ ᠲᠡᠭᠰᠢ ᠲᠦᠷᠪᠡᠯᠵᠢᠨ ᠮᠧᠲᠷ | ᠲᠠᠯᠠᠪᠠᠢ ᠲᠠᠢ ᠡᠪᠡᠰᠦ ᠬᠠᠳᠠᠭᠠᠯᠠᠬᠤ ᠫᠧᠩ᠂ 1 ᠲᠦᠮᠡᠨ ᠪᠤᠰᠤᠭ᠎ᠠ ᠲᠦᠷᠪᠡᠯᠵᠢᠨ ᠮᠧᠲᠷ ᠲᠠᠯᠠᠪᠠᠢ ᠲᠠᠢ ᠨᠤᠭᠤᠭᠠᠨ | ᠲᠠᠷᠤᠰᠢ ᠶᠢᠨ ᠵᠤᠭᠤᠷᠢ ᠶᠢ ᠰᠢᠨ᠎ᠡ ᠪᠠᠷ ᠪᠠᠶᠢᠭᠤᠯᠪᠠ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ | ᠬᠤᠶᠠᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠨ᠂ 5.9 | ᠲᠦᠮᠡᠨ ᠮᠤ᠋ ᠲᠠᠯᠠᠪᠠᠢ ᠳᠤ ᠡᠯᠡᠰᠤᠨ ᠤ ᠡᠬᠢ ᠶᠢ ᠵᠠᠰᠠᠬᠤ ᠤᠶᠢᠵᠢᠭᠤᠯᠤᠯᠳᠠ ᠶᠢ ᠪᠡᠶᠡᠯᠡᠭᠦᠯᠵᠦ᠂ 3000 ᠮᠤ᠋ ᠶᠢᠨ | ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠪᠠ᠃ ᠱᠠᠩᠳᠤ ᠶᠢᠨ ᠭᠤᠤᠯ ᠤᠨ ᠨᠤᠭᠤ ᠭᠠᠵᠠᠷ ᠢ ᠵᠠᠰᠠᠬᠤ | ᠬᠦᠴᠦᠯᠡᠴᠡ ᠶᠢ ᠨᠡᠮᠡᠭᠳᠡᠭᠦᠯᠵᠦ᠂ ᠨᠤᠭᠤ ᠭᠠᠵᠠᠷ ᠤᠨ ᠬᠠᠮᠠᠭᠠᠯᠠᠯᠳᠠ ᠶᠢᠨ ᠤᠷᠤᠨ ᠪᠤᠯᠤᠨ ᠵᠦᠯᠭᠡᠨ ᠴᠡᠴᠡᠷᠯᠢᠭ ᠤᠨ | ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠤᠰᠤᠨ ᠰᠢᠰᠲ᠋ᠧᠮ ᠤᠨ ᠠᠮᠢ ᠠᠬᠤᠢ ᠶᠢᠨ ᠠᠮᠤᠷ ᠲᠦᠪᠰᠢᠨ ᠢ | ᠪᠦᠳᠦᠮᠵᠢᠳᠠᠢ ᠪᠠᠳᠤᠯᠠᠪᠠ᠃ | ︵ ᠭᠤᠷᠪᠠ︶ ᠨᠡᠶᠢᠭᠡᠮ ᠤᠨ ᠠᠷᠠᠳ ᠤᠨ ᠶᠠᠪᠤᠳᠠᠯ ᠤᠨ ᠠᠵᠢᠯ ᠦᠢᠯᠡᠰ ᠢ ᠨᠢᠭᠡᠳᠦᠯᠲᠠᠢ ᠲᠦᠯᠦᠪᠵᠢᠭᠦᠯᠦᠨ | ᠠᠬᠢᠭᠤᠯᠪᠠ᠃ ᠠᠷᠠᠳ ᠤᠨ ᠠᠮᠢᠳᠦᠷᠠᠯ ᠤᠨ ᠲᠠᠯ᠎ᠠ ᠪᠠᠷ ᠬᠢ ᠪᠡᠯᠡ ᠮᠥᠩᠭᠦᠨ ᠤ ᠤᠷᠤᠭᠤᠯᠤᠯᠳᠠ ᠶᠢᠨ ᠬᠦᠴᠦᠯᠡᠴᠡ | ᠶᠢ ᠨᠡᠮᠡᠭᠳᠡᠭᠦᠯᠵᠦ᠂ ᠪᠦᠬᠦ ᠵᠢᠯ ᠳᠤ ︽ᠨᠢᠭᠡ ᠺᠠᠷᠲ︾ ᠪᠠᠷ ᠲᠠᠮᠵᠢᠭᠤᠯᠤᠨ 2.32 ᠳ᠋ᠦᠩᠰᠢᠭᠤᠷ ᠲᠥᠭᠦᠷᠢᠭ ᠤᠨ | ᠠᠷᠠᠳ ᠤᠨ ᠠᠮᠢᠳᠤᠷᠠᠯ ᠤᠨ ᠨᠦᠬᠦᠪᠦᠷᠢ ᠶᠢᠨ ᠪᠡᠯᠡ ᠮᠥᠩᠭᠦ ᠶᠢ ᠲᠠᠷᠬᠠᠭᠠᠵᠦ᠂ ᠢᠲᠡᠭᠡᠮᠵᠢ ᠶᠢᠨ ᠬᠤᠯᠪᠤᠭᠠᠳᠤ | ᠬᠤᠷᠰᠢᠶ᠎ᠠ ᠲᠠᠢ ᠵᠤᠬᠢᠴᠠᠯᠳᠤᠨ᠂ ᠮᠠᠯᠵᠢᠬᠤ ᠲᠠᠷᠢᠶᠠᠯᠠᠬᠤ ᠤᠷᠤᠨ ᠳᠤ 1.5 ᠳ᠋ᠦᠩᠰᠢᠭᠤᠷ ᠲᠥᠭᠦᠷᠢᠭ ᠤᠨ ᠪᠠᠭ᠎ᠠ | ᠳᠣᠭᠠᠨ ᠤ ᠵᠢᠭᠡᠯᠡᠯᠭᠡ ᠲᠠᠯᠪᠢᠪᠠ᠃《ᠠᠷᠪᠠ ᠶᠢ ᠨᠠᠶᠢᠳᠠᠮ ᠪᠦᠷᠬᠦᠭᠦᠯᠬᠦ︾ ᠢᠨᠵᠧᠨᠧᠷᠢᠩ ᠢ ᠪᠦᠬᠦ ᠬᠦᠴᠦᠨ ᠢᠶᠠᠷ | ᠢᠶᠠᠨ ᠬᠡᠷᠡᠭᠵᠢᠭᠦᠯᠵᠦ᠂ 3.72 ᠳ᠋ᠦᠩᠰᠢᠭᠤᠷ ᠲᠥᠭᠦᠷᠢᠭ ᠤᠨ ᠪᠡᠯᠡ ᠤᠷᠦᠭᠤᠯᠤᠯᠳᠠ ᠶᠢ ᠪᠡᠶᠡᠯᠡᠭᠦᠯᠥᠭᠰᠡᠨ | ᠪᠦᠭᠡᠳ ᠶᠠᠳᠠᠭᠤ ᠶᠢ ᠲᠡᠳᠬᠦᠵᠦ ᠨᠡᠭᠡᠭᠡᠨ ᠬᠦᠭᠵᠢᠭᠦᠯᠬᠦ ᠢᠨᠵᠧᠨᠧᠷᠢᠩ ᠢ ᠯᠠᠪᠲᠠᠭᠤᠨ ᠪᠠᠳᠤᠲᠠᠢ ᠠᠬᠢᠭᠤᠯᠤᠨ᠂ | ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢ 7214 ᠲᠥᠮᠡᠨ ᠲᠥᠭᠦᠷᠢᠭ | ᠨᠠᠶᠢᠳᠠᠪᠤᠷᠢᠵᠢᠭᠤᠯᠵᠤ᠂ 761 ᠬᠦᠮᠥᠨ ᠢ ᠶᠠᠳᠠᠭᠤ ᠠᠴᠠ ᠨᠢ ᠠᠩᠭᠢᠵᠢᠷᠠᠭᠤᠯᠪᠠ᠃ ᠴᠠᠭᠠᠨ ᠵᠤᠳ ᠤᠨ ᠭᠠᠮᠰᠢᠭ ᠢ | ᠢᠳᠡᠪᠬᠢᠲᠠᠢ ᠠᠷᠭᠠᠴᠠᠭᠠᠨ᠂ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠤᠷᠳᠤᠭ᠎ᠠ ᠶᠢ 500 ᠲᠥᠮᠡᠨ ᠺᠢᠯᠦᠭᠷᠡᠮ | ᠲᠥᠪᠯᠡᠷᠡᠭᠦᠯᠥᠨ ᠨᠥᠭᠡᠴᠡᠯᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠬᠤ ᠪᠡᠯᠡ ᠮᠥᠩᠭᠦ ᠶᠢ 294 | ᠲᠥᠮᠡᠨ ᠲᠥᠭᠦᠷᠢᠭ ᠪᠠᠭᠤᠯᠭᠠᠪᠠ᠃ ᠠᠷᠠᠳ ᠤᠯᠠᠨ ᠤ ᠠᠮᠤᠭᠤᠯᠠᠩ ᠰᠠᠭᠤᠴᠠ ᠶᠢᠨ ᠢᠨᠵᠧᠨᠧᠷᠢᠩ ᠪᠤᠯᠤᠨ ᠦᠢᠯᠡᠰ | ᠪᠥᠳᠦᠭᠡᠵᠦ ᠠᠵᠢᠯ ᠣᠯᠭᠤᠬᠤ ᠢᠨᠵᠧᠨᠧᠷᠢᠩ ᠢ ᠠᠬᠢᠭᠤᠯᠤᠨ᠂ ᠵᠢᠯ ᠤᠨ ᠲᠤᠳᠤᠷ᠎ᠠ 120 ᠢᠵᠢ ᠬᠢᠮᠳᠠ | ᠲᠥᠷᠢᠶᠡᠰᠥᠨ ᠤᠷᠣᠨ ᠰᠠᠭᠤᠴᠠ ᠪᠤᠯᠤᠨ 160 ᠢᠵᠢ ᠨᠡᠶᠢᠳᠠ ᠶᠢᠨ ᠲᠦᠷᠢᠶᠡᠰᠦᠨ ᠣᠷᠣᠨ ᠰᠠᠭᠤᠴᠠ ᠶᠢ ᠰᠢᠨ᠎ᠡ | ᠪᠠᠷ ᠪᠠᠶᠢᠭᠤᠯᠤᠨ᠂ ᠪᠦᠷᠬᠡ ᠲᠤᠭᠤᠷᠢᠭ ᠤᠨ ᠥᠭᠡᠷᠡᠴᠢᠯᠡᠯᠳᠠ ᠪᠠᠷ 450 ᠡᠷᠦᠬᠡ ᠶᠢᠨ ᠭᠡᠷ ᠪᠠᠶᠢᠰᠢᠩ ᠢ | ᠦᠭᠡᠷᠡᠴᠢᠯᠡᠨ ᠵᠠᠰᠠᠵᠦ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠤᠭᠰᠠᠨ ᠬᠦᠮᠥᠨ 1808 | ᠳᠤ ᠬᠦᠷᠪᠡ᠃ ᠨᠡᠶᠢᠭᠡᠮ ᠤᠨ ᠡᠯ᠎ᠡ ᠲᠥᠷᠦᠯ ᠤᠨ ᠠᠵᠢᠯ ᠦᠢᠯᠡᠰ ᠵᠤᠬᠢᠴᠠᠩᠭᠤᠢ ᠲᠤᠭᠲᠠᠭᠤᠨ ᠢᠶᠠᠷ ᠬᠦᠭᠵᠢᠵᠦ᠂ | ᠪᠦᠬᠦ ᠠᠶᠢᠮᠠᠭ ᠤᠨ ᠣᠶᠣᠨ ᠤ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠢ | ᠲᠠᠭᠠᠭᠠᠴᠢᠯᠠᠨ ᠡᠷᠬᠢᠯᠡᠵᠦ᠂ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠥᠽᠸᠢ ᠪᠤᠯᠤᠨ ᠰᠤᠶᠤᠯ ᠲᠠᠮᠢᠷ ᠤᠨ | ᠲᠥᠪ ᠨᠢ ᠵᠢᠩᠬᠢᠨᠢ ᠪᠠᠷ ᠠᠰᠢᠭᠯᠠᠯᠳᠠ ᠳᠤ ᠤᠷᠣᠪᠠ︔ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ | ᠲᠡᠯ᠎ᠡ ᠪᠠᠷ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠡᠩ ᠤᠨ | ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠨ ᠤᠷᠤᠬᠤ ᠨᠤᠷᠮ᠎ᠠ ᠲᠡᠭᠡᠷ᠎ᠡ ᠵᠢᠯ ᠤᠨ ᠬᠢ ᠠᠴᠠ | 34% ᠪᠠᠷ ᠲᠡᠭᠡᠭᠰᠢᠯᠡᠪᠡ︔ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ | ᠦᠭᠡᠷᠡᠴᠢᠯᠡᠯᠳᠠ ᠶᠢ ᠭᠦᠨᠵᠡᠭᠡᠶᠢᠷᠡᠭᠦᠯᠥᠨ᠂ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠡ ᠯᠤᠭ᠎ᠠ ᠶᠢᠨ | ᠬᠠᠮᠳᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠦ᠂ ᠮᠤᠩᠭᠤᠯ ᠡᠮᠨᠡᠯᠭᠡ ᠶᠢᠨ ᠬᠤᠷᠢᠶ᠎ᠠ ᠨᠢ ᠦᠪᠡᠷᠳᠡᠭᠡᠨ ᠵᠠᠰᠠᠬᠤ | ᠤᠷᠤᠨ ᠤ ᠦᠨᠳᠦᠰᠦᠳᠡᠨ ᠤ ᠡᠮᠨᠡᠯᠭᠡ ᠶᠢᠨ ᠬᠤᠷᠢᠶᠠᠨ ᠤ ︽ᠬᠤᠶᠠᠷ ᠬᠦᠬᠡ ᠲᠡᠰ︾ ᠤᠨ ᠬᠢᠨᠠᠨ ᠰᠢᠯᠭᠠᠯᠳᠠ ᠶᠢ | ᠬᠦᠯᠢᠶᠡᠪᠡ᠃ | ︵ᠲᠦᠷᠪᠡ︶ ᠨᠡᠶᠢᠭᠡᠮ ᠤᠨ ᠠᠮᠤᠷ ᠳᠣᠭᠳᠠᠭᠤᠨ ᠢ ᠵᠠᠰᠠᠬᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠪᠡ | ᠃ ︽ᠠᠮᠣᠷ ᠲᠣᠭᠳᠠᠭᠤᠨ ᠰᠢᠯᠤᠭᠤᠨ ᠬᠦᠬᠡ︾ ᠶᠢ ᠪᠦᠳᠦᠭᠡᠨ ᠪᠠᠶᠢᠭᠤᠯᠬᠤ ᠠᠴᠠ ᠭᠠᠷᠳᠠᠨ᠂ ᠠᠮᠤᠷ | ᠲᠤᠬᠳᠠᠭᠤᠨ ᠤ ᠡᠭᠦᠳᠦᠯᠳᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠡᠶᠢᠭᠡᠮ ᠤᠨ ᠤᠷᠴᠢᠨ ᠠᠬᠤᠢ ᠣᠯᠠᠮ | ᠨᠢᠭᠡ ᠠᠯᠬᠤᠮ ᠡᠶ᠎ᠡ ᠵᠤᠬᠢᠴᠠᠨ ᠲᠤᠬᠳᠠᠪᠤᠷᠢᠵᠢᠪᠠ᠃ ︽1328︾ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠯ ᠤᠨ ᠳᠣᠳᠣᠷ᠎ᠠ ᠡᠯ᠎ᠡ ᠲᠦᠷᠦᠯ ᠤᠨ ᠵᠥᠷᠢᠴᠠᠯ ᠮᠥᠷᠭᠦᠯᠳᠦᠭᠡᠨ ᠢ | 139 ᠬᠤᠪᠢ ᠪᠠᠶᠢᠴᠠᠭᠠᠨ ᠢᠯᠡᠷᠡᠭᠦᠯᠵᠦ᠂ 115 ᠬᠤᠪᠢ ᠶᠢ ᠨᠢ ᠠᠮᠵᠢᠯᠳᠠ ᠲᠠᠢ ᠪᠠᠷ ᠡᠶᠡᠯᠳᠦᠭᠦᠯᠥᠨ | ᠨᠠᠮᠳᠠᠭᠤᠯᠪᠠ᠃ ᠭᠤᠯᠳᠠᠯᠭ᠎ᠠ ᠲᠠᠢ ᠠᠵᠢᠯ ᠲᠥᠷᠦᠯ ᠤᠨ ᠤᠷᠴᠢᠨ ᠲᠤᠭᠤᠷᠢᠨ ᠤ ᠬᠢᠨᠠᠨ ᠬᠠᠮᠢᠶᠠᠷᠣᠯᠳᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠪᠦᠬᠦ ᠵᠢᠯ ᠤᠨ ᠡᠨᠧᠷᠬᠢ ᠠᠷᠪᠢᠯᠠᠵᠤ ᠪᠤᠬᠢᠷ ᠢ ᠭᠠᠳᠠᠭᠰᠢᠯᠠᠭᠤᠯᠬᠤ ᠬᠠᠷᠠᠯᠳᠠ | ᠡᠭᠦᠷᠭᠡ ᠶᠢ ᠠᠮᠵᠢᠯᠳᠠ ᠲᠠᠢ ᠪᠡᠶᠡᠯᠡᠭᠦᠯᠪᠡ᠃ ︽ᠨᠠᠮ ᠵᠠᠰᠠᠭ ᠵᠡᠷᠭᠡᠪᠡᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ | ᠳᠤ ᠬᠤᠶᠠᠷ ᠵᠦᠢᠯ ᠤᠨ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠳᠠᠭᠠᠨ ᠤᠰᠤᠯᠳᠤᠪᠠᠯ ᠬᠠᠷᠢᠭᠤᠴᠠᠯᠭ᠎ᠠ ᠨᠡᠬᠡᠮᠵᠢᠯᠡᠬᠦ | ︾ ᠶᠢ ᠴᠢᠩᠭ᠎ᠠ ᠨᠠᠶᠢᠳᠠᠪᠤᠷᠢᠵᠢᠭᠤᠯᠤᠨ᠂ ᠡᠮ ᠲᠠᠩ ᠤᠨ ᠠᠮᠤᠷ ᠲᠥᠪᠰᠢᠨ᠂ ᠵᠠᠮ ᠬᠠᠷᠢᠯᠴᠠᠭ᠎ᠠ᠂ ᠪᠠᠷᠢᠯᠭ᠎ᠠ ᠶᠢᠨ | ᠭᠠᠵᠠᠷ ᠵᠡᠷᠭᠡ ᠭᠤᠤᠯᠳᠠᠯᠭ᠎ᠠ ᠲᠠᠢ ᠠᠵᠢᠯ ᠲᠥᠷᠦᠯ ᠤᠨ ᠬᠦᠷᠢᠶᠡᠨ ᠳᠤ ᠲᠠᠯᠳᠠ ᠬᠡᠮ ᠢ ᠪᠠᠶᠢᠴᠠᠭᠠᠨ ᠵᠠᠰᠠᠬᠤ | ᠠᠵᠢᠯᠯᠠᠭ᠎ᠠ ᠶᠢ ᠬᠦᠴᠦᠲᠠᠢ ᠦᠷᠨᠢᠭᠦᠯᠥᠰᠡᠨ ᠢᠶᠠᠷ ᠪᠦᠬᠦ ᠬᠤᠰᠢᠭᠤᠨ ᠳᠤ ᠬᠦᠨᠳᠦ ᠣᠨᠴᠠ ᠶᠡᠭᠡ ᠠᠶᠦᠯᠬᠦᠢ | ᠦᠢᠯᠡᠳᠪᠦᠷᠢᠯᠡᠯ ᠤᠨ ᠤᠰᠤᠯ ᠠᠳᠡᠯ ᠡᠭᠦᠰᠦᠭᠰᠡᠨ ᠦᠭᠡᠢ᠃ | ᠲᠥᠯᠦᠭᠡᠯᠡᠭᠴᠢᠳ ᠡ ᠂ ᠥᠩᠭᠡᠷᠭᠰᠡᠨ ᠲᠠᠪᠣᠨ ᠵᠢᠯ ᠤᠨ ᠬᠦᠭᠵᠢᠯᠳᠠ ᠶᠢᠨ ᠶᠠᠪᠤᠴᠠ ᠪᠠᠨ ᠡᠷᠭᠢᠴᠠᠭᠦᠯᠪᠡᠯ᠂ | ᠲᠠᠪᠤᠨ ᠵᠢᠯ ᠤᠨ ᠲᠤᠷᠰᠢ ᠮᠠᠨ ᠤ ᠬᠤᠰᠢᠭᠤᠨ ᠤ ᠬᠦᠭᠵᠢᠯᠳᠠ ᠶᠢᠨ ᠬᠡᠯᠪᠡᠷᠢ ᠮᠠᠶ᠋ᠢᠭ ᠨᠡᠩ ᠰᠢᠨᠵᠢᠯᠡᠬᠦ ᠤᠬᠠᠭᠠᠨᠴᠢ | ᠵᠦᠢ ᠵᠤᠬᠢᠰᠲᠠᠢ ᠪᠤᠯᠵᠤ᠂ ᠬᠦᠭᠵᠢᠯᠳᠠ ᠶᠢᠨ ᠰᠠᠭᠤᠷᠢ ᠨᠡᠩ ᠪᠠᠳᠤᠵᠢᠨ᠂ ᠬᠦᠭᠵᠢᠯᠳᠡ ᠶᠢᠨ ᠣᠷᠴᠢᠨ ᠨᠡᠩ | ᠰᠢᠯᠢᠳᠡᠭᠵᠢᠨ ᠡᠶ᠎ᠡ ᠵᠤᠬᠢᠴᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ | ᠪᠠᠶᠢᠭᠤᠯᠤᠯᠳᠠ᠂ ᠰᠤᠶᠤᠯ ᠤᠨ ᠪᠠᠶᠢᠭᠤᠯᠣᠯᠳᠠ᠂ ᠨᠡᠶᠢᠭᠡᠮ ᠤᠨ ᠪᠦᠳᠦᠭᠡᠨ ᠪᠠᠶᠢᠭᠤᠯᠤᠯᠳᠠ ᠪᠠ ᠠᠮᠢ ᠠᠬᠤᠢ ᠶᠢᠨ | ᠪᠤᠯᠪᠠᠰᠤᠨ ᠤ ᠪᠦᠳᠦᠭᠡᠨ ᠪᠠᠶᠢᠭᠤᠯᠤᠯᠳᠠ ᠵᠡᠷᠭᠡ ᠨᠢ ᠪᠦᠬᠦ ᠲᠠᠯ᠎ᠠ ᠶᠢᠨ ᠠᠬᠢᠯᠳᠠ ᠲᠠᠢ ᠪᠤᠯᠵᠤ᠂ ᠬᠤᠳᠠ ᠬᠦᠳᠡᠭᠡ | ᠶᠢᠨ ᠲᠦᠷᠢ ᠲᠦᠷᠬᠦ ᠢᠯᠡᠳᠳᠡ ᠰᠠᠶᠢᠵᠢᠷᠠᠨ᠂ ᠠᠷᠠᠳ ᠤᠯᠠᠨ ᠨᠡᠩ ᠠᠷᠪᠢᠨ ᠬᠠᠷᠠᠭᠠᠯᠵᠠᠯ ᠬᠦᠷᠳᠡᠬᠦ ᠪᠤᠯᠵᠠᠢ᠃ | ᠡᠨᠡᠬᠦ ᠲᠠᠪᠤᠨ ᠵᠢᠯ ᠤᠨ ᠠᠵᠢᠯ ᠢ ᠬᠤᠷᠢᠶᠠᠩᠭᠤᠶᠢᠯᠠᠪᠠᠯ ᠲᠤᠤᠷᠠᠬᠢ ᠬᠡᠳᠦᠨ ᠲᠠᠯ᠎ᠠ ᠪᠤᠢ᠄ ᠨᠢᠭᠡ ᠳᠤ᠂ ᠠᠵᠤ ᠠᠬᠤᠢ | ᠶᠢᠨ ᠲᠤᠬᠳᠠᠭᠤᠨ ᠨᠡᠮᠡᠭᠳᠡᠯ ᠢ ᠪᠡᠶᠡᠯᠡᠭᠦᠯᠪᠡ᠃ ᠪᠦᠬᠦᠶᠢᠯᠡ ᠴᠤᠬᠴᠠ ᠶᠢᠨ ᠠᠵᠤ ᠠᠬᠤᠢ ᠶᠢᠨ ᠦᠷᠭᠦᠯᠵᠢᠯᠡᠨ | ᠤᠷᠤᠭᠤᠳᠠᠬᠤ ᠲᠠᠷᠤᠯᠳᠠ ᠶᠢ ᠲᠡᠪᠴᠢᠨ᠂ ᠡᠯ᠎ᠡ ᠲᠦᠷᠦᠯ ᠤᠨ ᠴᠢᠬᠤᠯᠠ ᠠᠵᠤ ᠠᠬᠤᠢ ᠶᠢᠨ ᠭᠦᠢᠴᠡᠳᠬᠡᠯ ᠨᠤᠷᠮ᠎ᠠ | ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠪᠦᠬᠦᠶᠢᠯᠡ ᠴᠤᠬᠴᠠ ᠶᠢᠨ ᠠᠵᠤ ᠠᠬᠤᠢ ᠶᠢᠨ ᠪᠤᠳᠠᠳᠤ ᠬᠦᠴᠦᠨ ᠨᠢ | ᠪᠦᠬᠦ ᠠᠶᠢᠮᠠᠭ ᠤᠨ ᠲᠤᠮᠳᠠ ᠠᠴᠠ ᠲᠡᠭᠡᠭᠰᠢᠬᠢ ᠬᠢᠷᠢ ᠲᠦᠪᠰᠢᠨ ᠳᠤ ᠪᠠᠶᠢᠬᠤ ᠶᠢ ᠦᠷᠭᠦᠯᠵᠢᠯᠡᠨ ᠪᠠᠳᠤᠯᠠᠵᠤ᠂ ᠠᠵᠤ | ᠠᠬᠤᠢ ᠶᠢᠨ ᠬᠦᠭᠵᠢᠯᠳᠡ ᠶᠢᠨ ᠲᠠᠯ᠎ᠠ ᠪᠠᠷ ᠲᠤᠬᠳᠠᠭᠤᠨ ᠤ ᠲᠤᠮᠳᠠ ᠠᠬᠢᠯᠳᠠ ᠲᠠᠢ ᠪᠠᠶᠢᠬᠤ ᠶᠢ ᠪᠡᠶᠡᠯᠡᠭᠦᠯᠪᠡ᠃ | ᠬᠤᠶᠠᠷ ᠲᠤ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠪᠠᠳᠤᠯᠠᠭ᠎ᠠ ᠶᠢ ᠴᠢᠩᠭᠠᠳᠬᠠᠪᠠ᠃ ᠡᠵᠡᠮᠳᠡᠵᠦ | ᠪᠤᠯᠬᠤᠶᠢᠴᠠ ᠡᠳ᠋ ᠤᠨ ᠬᠦᠴᠦᠨ ᠬᠦᠷᠦᠯᠴᠡᠬᠦ ᠦᠭᠡᠢ ᠪᠠᠶᠢᠬᠤ ᠲᠠᠷᠤᠯᠳᠠ ᠶᠢ ᠲᠡᠪᠴᠢᠨ᠂ ᠵᠠᠷᠤᠯᠭ᠎ᠠ ᠶᠢ ᠦᠨᠳᠤᠰᠤᠨ | ᠱᠠᠳᠤ ᠪᠤᠯᠤᠨ ᠠᠷᠠᠳ ᠤᠨ ᠠᠮᠢᠳᠤᠷᠠᠯ ᠤᠨ ᠲᠠᠯ᠎ᠠ ᠲᠡᠰᠢ ᠬᠡᠯᠪᠡᠶᠢᠯᠭᠡᠬᠦ ᠶᠢ ᠪᠡᠶᠡᠯᠡᠭᠦᠯᠦᠨ᠂ ᠲᠠᠪᠤᠨ ᠵᠢᠯ ᠤᠨ | ᠲᠤᠷᠰᠢ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠵᠠᠷᠤᠯᠭ᠎ᠠ ᠨᠢ ᠤᠯᠠᠨ ᠨᠡᠶᠢᠳᠡ ᠶᠢᠨ ᠡᠳ᠋ ᠤᠨ ᠵᠠᠰᠠᠭ ᠤᠨ | ᠲᠦᠰᠦᠪ ᠤᠨ ᠵᠠᠷᠤᠯᠭ᠎ᠠ ᠶᠢᠨ 52 % ᠠᠴᠠ ᠲᠡᠭᠡᠭᠰᠢ ᠶᠢ ᠡᠵᠡᠯᠡᠬᠦ ᠶᠢ ᠪᠠᠳᠤᠯᠠᠵᠤ᠂ ᠡᠭᠦᠨ ᠳᠤ 2015 ᠤᠨ | ᠳᠤ᠂ 9.34 ᠳ᠋ᠦᠩᠰᠢᠭᠤᠷ ᠲᠦᠭᠦᠷᠢᠭ ᠲᠤ ᠬᠦᠷᠴᠦ᠂ ᠪᠦᠬᠦ ᠵᠠᠷᠤᠯᠭ᠎ᠠ ᠶᠢᠨ 61.7 % ᠶᠢ ᠡᠵᠡᠯᠡᠨ᠂ ᠲᠡᠤᠬᠡ | ᠶᠢᠨ ᠬᠠᠮᠤᠭ ᠦᠨᠳᠦᠷ ᠲᠡᠮᠳᠡᠭᠯᠡᠯ ᠢ ᠡᠭᠦᠳᠴᠠᠢ᠃ ᠭᠤᠷᠪᠠ ᠳᠤ᠂ ᠠᠵᠤ ᠦᠢᠯᠡᠰ ᠤᠨ ᠪᠦᠳᠦᠴᠡ ᠵᠤᠬᠢᠬᠤ ᠬᠡᠮᠵᠢᠶ᠎ᠡ | ᠪᠠᠷ ᠰᠢᠯᠢᠳᠡᠭᠵᠢᠪᠡ᠃ ᠠᠵᠤ ᠦᠢᠯᠡᠰ ᠤᠨ ᠬᠦᠭᠵᠢᠯᠳᠡ ᠬᠠᠷᠢᠴᠠᠩᠭᠤᠢ ᠬᠤᠴᠤᠷᠤᠩᠭᠤᠢ ᠪᠠᠶᠢᠬᠤ ᠲᠠᠷᠤᠯᠳᠠ ᠶᠢ | ᠲᠡᠪᠴᠢᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠬᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ | ᠂ ᠰᠤᠶᠤᠯ ᠵᠢᠭᠤᠯᠴᠢᠯᠠᠯ ᠵᠡᠷᠭᠡ ᠬᠦᠷᠢᠶᠡᠨ ᠳᠠᠬᠢ ᠤᠯᠠᠨ ᠵᠦᠢᠯ ᠤᠨ ᠲᠦᠰᠦᠯ ᠢ ᠭᠤᠤᠯᠳᠠᠯᠭ᠎ᠠ ᠲᠠᠢ ᠠᠬᠢᠭᠤᠯᠤᠨ᠂ | ᠭᠤᠷᠪᠠᠨ ᠠᠵᠤ ᠦᠢᠯᠡᠰ ᠤᠨ ᠬᠠᠷᠢᠴᠠᠯ ᠢ ᠤᠤᠯ ᠤᠨ 11.8᠄ 68.1᠄ 20.1 ᠠᠴᠠ 10᠄ 67.9᠄ 22. | 1 ᠪᠤᠯᠭᠠᠨ ᠲᠤᠬᠢᠷᠠᠭᠤᠯᠵᠤ᠂ ᠤᠯᠠᠨ ᠡᠰᠢᠴᠢᠯᠡᠭᠰᠡᠨ ᠬᠦᠭᠵᠢᠯᠳᠡ ᠪᠠ ᠤᠯᠠᠨ ᠠᠵᠤ ᠦᠢᠯᠡᠰ ᠲᠤᠯᠭᠠᠭᠤᠷᠢᠯᠠᠬᠰᠠᠨ | ᠬᠡᠪ ᠵᠠᠬᠪᠤᠷ ᠲᠡᠰᠢ ᠨᠡᠩ ᠤᠶᠢᠷᠠᠳᠪᠠ᠃ ᠲᠦᠷᠪᠡ ᠳᠤ᠂ ᠦᠨᠳᠦᠰᠦᠨ ᠱᠠᠳᠤᠨ ᠤ ᠠᠵᠢᠯ ᠨᠡᠩ ᠪᠠᠳᠤᠵᠢᠪᠠ᠃ ︽ | ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠪᠠ ᠶᠠᠳᠠᠭᠤ ᠶᠢ ᠲᠡᠳᠬᠦᠬᠦ ᠰᠢᠪᠳᠤᠯᠤᠯᠳᠠ ᠶᠢᠨ ᠢᠨᠵᠧᠨᠧᠷᠢᠩ | ᠢ ᠬᠦᠨᠵᠡᠭᠡᠢ ᠬᠡᠷᠡᠭᠵᠢᠭᠦᠯᠬᠦ ᠪᠠᠷ ᠲᠠᠮᠵᠢᠭᠤᠯᠤᠨ ᠮᠢᠩᠭᠠᠨ ᠨᠡᠷ᠎ᠡ ᠺᠠᠳ᠋ᠷ ᠦᠨᠳᠤᠰᠦᠨ ᠱᠠᠳᠤᠨ ᠳᠤ ᠪᠠᠭᠤᠵᠤ᠂ | ᠭᠠᠴᠠᠭ᠎ᠠ ᠲᠤᠰᠬᠤᠨ ᠠᠶᠢᠯ ᠡᠷᠦᠬᠡ ᠪᠠᠷ ᠬᠦᠨᠵᠡᠭᠡᠶᠢᠷᠡᠨ᠂ ᠨᠠᠮ ᠤᠯᠠᠨ ᠲᠦᠮᠡᠨ᠂ ᠺᠠᠳ᠋ᠷ ᠤᠯᠠᠮ ᠲᠦᠮᠡᠨ ᠤ | ᠬᠠᠷᠢᠴᠠᠭ᠎ᠠ ᠶᠢ ᠤᠯᠠᠮ ᠨᠢᠭᠡ ᠠᠯᠬᠤᠮ ᠨᠢᠬᠳᠠᠷᠠᠭᠤᠯᠵᠤ᠂ ᠡᠯ᠎ᠡ ᠦᠨᠳᠦᠰᠦᠳᠡᠨ ᠤ ᠠᠷᠠᠳ ᠲᠦᠮᠡᠨ ᠤ ᠮᠠᠬᠳᠠᠭᠠᠯ | ᠰᠠᠶᠢᠰᠢᠶᠠᠯ ᠢ ᠤᠯᠵᠤ᠂ ᠡᠭᠦᠨ ᠤ ᠤᠯᠠᠮ ᠢᠶᠠᠷ ᠬᠤᠳᠠ ᠬᠦᠳᠡᠭᠡ ᠶᠢᠨ ᠡᠶ᠎ᠡ ᠵᠤᠬᠢᠴᠠᠯ ᠲᠠᠢ᠂ ᠡᠮᠬᠢ ᠲᠢᠭᠯᠢᠮ ᠲᠠᠢ | ᠬᠦᠭᠵᠢᠯᠳᠡ ᠶᠢ ᠪᠦᠳᠦᠮᠵᠢᠳᠠᠢ ᠠᠬᠢᠭᠤᠯᠪᠠ᠃ ᠲᠠᠪᠤ ᠳᠤ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠲᠠᠰᠤᠷᠠᠯᠳᠠ | ᠦᠭᠡᠢ ᠲᠡᠭᠡᠭᠰᠢᠯᠡᠪᠡ᠃ ᠤᠯᠤᠰ ᠤᠨ ︽ᠨᠢᠭᠡ ᠪᠦᠰᠡ ᠨᠢᠭᠡ ᠵᠠᠮ︾ ᠪᠠ ᠪᠡᠭᠡᠵᠢᠩ ᠲᠢᠶᠠᠨᠵᠢᠨ ᠾᠧᠪᠸᠢ ᠯᠤᠭ᠎ᠠ | ᠶᠢᠨ ᠬᠠᠮᠳᠤᠷᠠᠬᠰᠠᠨ ᠬᠦᠭᠵᠢᠯᠳᠡ ᠳᠤ ᠢᠳᠡᠪᠬᠢᠳᠠᠢ ᠤᠷᠤᠯᠴᠠᠨ᠂ ᠡᠷᠬᠢᠨ ᠲᠤᠭᠤᠷᠢᠨ ᠤ ᠮᠤᠵᠢ ᠤᠷᠤᠨ ᠬᠤᠳᠠ | ᠬᠤᠰᠢᠭᠤ ᠰᠢᠶᠠᠨ ᠯᠤᠭ᠎ᠠ ᠶᠢᠨ ᠬᠠᠮᠳᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠪᠠ︔ ᠤᠮᠠᠷᠠᠰᠢᠬᠢ | ᠨᠡᠭᠡᠭᠡᠯᠳᠡ ᠶᠢ ᠬᠦᠨᠵᠡᠭᠡᠶᠢᠷᠡᠭᠦᠯᠬᠦ ᠠᠵᠢᠯ ᠰᠢᠨ᠎ᠡ ᠠᠬᠢᠯᠳᠠ ᠲᠠᠢ ᠪᠤᠯᠵᠤ᠂ ᠮᠤᠩᠭᠤᠯ ᠤᠯᠤᠰ ᠤᠨ ᠴᠢᠩᠬᠢᠰ ᠬᠤᠳᠠ | ᠯᠤᠭ᠎ᠠ ᠨᠦᠬᠦᠷᠰᠡᠭ ᠬᠤᠳᠠ ᠶᠢᠨ ᠬᠠᠮᠳᠤᠷᠠᠨ ᠠᠵᠢᠯᠯᠠᠬᠤ ᠬᠠᠷᠢᠴᠠᠭ᠎ᠠ ᠪᠠᠶᠢᠭᠤᠯᠤᠨ᠂ ᠰᠤᠶᠤᠯ ᠤᠷᠠᠯᠢᠭ ᠤᠨ | ᠰᠤᠯᠢᠯᠴᠠᠭ᠎ᠠ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠨᠡᠭᠡᠭᠡᠯᠳᠡ ᠵᠡᠷᠭᠡ ᠬᠦᠷᠢᠶᠡᠨ ᠳᠠᠬᠢ ᠬᠦᠨᠵᠡᠭᠡᠢ | ᠬᠠᠮᠳᠤᠷᠠᠯᠴᠠᠭ᠎ᠠ ᠳᠤ ᠰᠠᠭᠤᠷᠢ ᠲᠠᠯᠪᠢᠬᠰᠠᠨ ᠤ ᠬᠠᠮᠳᠤ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠨᠢᠰᠬᠡᠯ | ᠤᠨ ᠪᠠᠭᠤᠳᠠᠯ ᠤᠨ ᠪᠠᠭᠤᠴᠠ ᠰᠤᠩᠭᠤᠬᠤ ᠮᠡᠳᠡᠭᠦᠯᠦᠯᠳᠡ ᠨᠢ ᠲᠤᠮᠳᠠᠳᠤ ᠤᠯᠤᠰ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠲᠤᠪᠴᠢᠶᠠᠨ ᠤ ᠵᠦᠪᠰᠢᠶᠡᠷᠡᠯ ᠢ ᠤᠯᠵᠤ᠂ ᠬᠦᠭᠵᠢᠯᠳᠡ ᠶᠢᠨ ᠤᠷᠤᠨ ᠵᠠᠢ ᠨᠡᠩ ᠦᠷᠭᠡᠵᠢᠪᠡ᠃ | ᠵᠢᠷᠭᠤᠭ᠎ᠠ ᠳᠤ᠂ ᠦᠭᠡᠷᠡᠴᠢᠯᠡᠯᠳᠡ ᠶᠢᠨ ᠲᠠᠯ᠎ᠠ ᠪᠠᠷ ᠴᠢᠬᠤᠯᠠ ᠦᠷ᠎ᠡ ᠪᠦᠳᠦᠮᠵᠢ ᠤᠯᠪᠠ᠃ ᠭᠠᠵᠠᠷ ᠰᠢᠷᠤᠢ ᠪᠠ | ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠨᠤᠳᠠᠯᠠᠬᠤ ᠠᠵᠢᠯ ᠲᠤᠬᠳᠠᠭᠤᠨ ᠢᠶᠠᠷ ᠠᠬᠢᠵᠤ᠂ ᠮᠠᠯᠵᠢᠬᠤ | ᠲᠠᠷᠢᠶᠠᠯᠠᠬᠤ ᠤᠷᠤᠨ ᠤ ᠶᠡᠷᠦᠩᠬᠡᠶᠢᠯᠡᠭᠰᠡᠨ ᠢᠵᠢ ᠪᠦᠷᠢᠳᠦᠭᠰᠡᠨ ᠦᠭᠡᠷᠡᠴᠢᠯᠡᠯᠳᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠤᠨ᠂ ᠭᠠᠶᠢᠯᠢ ᠰᠦᠢᠳᠬᠡᠯ ᠤᠨ ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠵᠤ᠂ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠲᠦᠷᠢᠮ ᠢ ᠪᠦᠬᠦ ᠲᠠᠯ᠎ᠠ ᠪᠠᠷ | ᠦᠷᠨᠢᠭᠦᠯᠤᠨ᠂ ᠦᠭᠡᠷᠡᠴᠢᠯᠡᠯᠳᠡ ᠶᠢᠨ ᠦᠷ᠎ᠡ ᠪᠦᠳᠦᠮᠵᠢ ᠨᠢ ᠢᠷᠡᠭᠡᠳᠦᠢ ᠳᠤ ᠨᠡᠩ ᠪᠦᠬᠦ ᠲᠠᠯ᠎ᠠ ᠪᠠᠷ ᠢᠯᠡᠷᠡᠬᠦ | ᠪᠤᠯᠤᠨ᠎ᠠ᠃ | ᠲᠦᠯᠦᠭᠡᠯᠡᠭᠴᠢᠳ ᠡ᠂ ︽ ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠢᠳᠡ ᠬᠢᠯᠪᠠᠷ | ᠪᠤᠰᠤ ᠠᠮᠵᠢᠯᠳᠠ ᠶᠢ ᠲᠡᠮᠡᠴᠡᠨ ᠤᠯᠤᠬᠰᠠᠨ ᠶᠤᠮ᠃ ᠡᠨᠡᠬᠦ ᠠᠮᠵᠢᠯᠳᠠ ᠪᠤᠯ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠴᠢᠩᠭ᠎ᠠ | ᠬᠢᠨᠠᠯᠳᠠ ᠶᠢᠨ ᠦᠷ᠎ᠡ ᠳ᠋ᠦᠩ ᠮᠦᠨ︔ ᠨᠡᠩ ᠴᠦ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ | ᠬᠠᠮᠳᠤ ᠪᠠᠷ ᠴᠢᠷᠮᠠᠶᠢᠵᠤ᠂ ᠪᠦᠯᠭᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤ ᠵᠠᠰᠠᠭ ᠤᠨ | ᠤᠷᠳᠤᠨ ᠢ ᠲᠦᠯᠦᠭᠡᠯᠡᠵᠦ ᠲᠦᠯᠦᠭᠡᠯᠡᠭᠴᠢᠳ ᠲᠤ ᠪᠠᠨ᠂ ᠬᠡᠰᠢᠭᠦᠳ ᠲᠤ ᠪᠠᠨ᠂ ᠤᠬᠠᠭ᠎ᠠ ᠲᠠᠮᠢᠷ ᠢᠶᠠᠨ ᠰᠢᠪᠬᠠᠨ | ᠮᠡᠷᠡᠶᠢᠨ ᠬᠦᠳᠡᠯᠮᠦᠷᠢᠯᠡᠵᠦ ᠪᠠᠶᠢᠭ᠎ᠠ ᠨᠦᠬᠦᠳ ᠲᠤ ᠪᠠᠨ᠂᠂ ᠮᠦᠨᠴᠦ ᠮᠠᠨ ᠤ ᠰᠢᠯᠤᠭᠤᠨ ᠬᠦᠬᠡ ᠬᠤᠰᠢᠭᠤᠨ ᠤ | ᠬᠦᠭᠵᠢᠯᠳᠡ ᠶᠢ ᠬᠠᠯᠠᠮᠵᠢᠯᠠᠨ ᠲᠡᠮᠵᠢᠵᠦ ᠪᠠᠶᠢᠭ᠎ᠠ ᠪᠦᠬᠦᠶᠢᠯᠡ ᠬᠠᠯᠠᠭᠤᠨ ᠰᠡᠳᠬᠢᠯᠳᠦ ᠬᠦᠮᠦᠰ ᠲᠤ ᠴᠢᠩ ᠰᠡᠳᠬᠢᠯ | ᠤᠨ ᠲᠠᠯᠠᠷᠬᠠᠯ ᠢᠶᠠᠨ ᠲᠡᠪᠰᠢᠭᠦᠯᠵᠦ ᠪᠠᠶᠢᠨ᠎ᠠ︕ | ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠭᠤᠤᠯ ᠡᠭᠦᠷᠭᠡ ᠪᠠ 2016 ᠣᠨ ᠤ ᠭᠤᠤᠯᠳᠠᠯᠭ᠎ᠠ ᠲᠠᠢ ᠠᠵᠢᠯ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ | ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠰᠢᠢᠳᠪᠦᠷᠢᠯᠡᠬᠦ ᠴᠢᠨᠠᠷᠳᠠᠢ ᠴᠠᠭ ᠬᠤᠭᠤᠴᠠᠭ᠎ᠠ ᠮᠦᠨ︔ ᠪᠠᠰᠠᠴᠤ | ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠰᠢᠪᠳᠤᠯᠤᠯᠳᠠ ᠶᠢᠨ ᠴᠢᠨᠠᠷᠳᠠᠢ ᠴᠠᠭ ᠬᠤᠭᠤᠴᠠᠭ᠎ᠠ ᠮᠦᠨ | ᠪᠦᠭᠡᠳ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠵᠠᠩᠬᠢᠯᠠᠭ᠎ᠠ ᠶᠢᠨ ᠴᠢᠨᠠᠷᠳᠠᠢ ᠴᠠᠭ | ᠬᠤᠭᠤᠴᠠᠭ᠎ᠠ ᠮᠦᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠠᠴᠠ | ᠰᠢᠨ᠎ᠡ ᠶᠢ ᠡᠭᠦᠳᠬᠦ᠂ ᠵᠤᠬᠢᠴᠠᠠᠭᠤᠯᠬᠤ᠂ ᠪᠤᠬᠢᠷᠳᠤᠯ ᠦᠭᠡᠢ᠂ ᠨᠡᠭᠡᠭᠡᠯᠳᠡ ᠬᠢᠬᠦ᠂ ᠬᠦᠭᠵᠢᠯᠳᠡ ᠶᠢ ᠬᠠᠮᠳᠤᠪᠡᠷ | ᠡᠳ᠋ᠯᠡᠬᠦ ︽ᠲᠠᠪᠤᠨ ᠶᠡᠭᠡ ᠬᠦᠭᠵᠢᠯᠳᠡ ᠶᠢᠨ ᠤᠶᠢᠯᠠᠭᠠᠬᠳᠠᠬᠤᠨ︾ ᠢ ᠲᠤᠷᠠᠳᠴᠤ᠂ ᠨᠠᠮ ᠤᠨ ᠲᠦᠪ ᠬᠤᠷᠢᠶᠠᠨ ᠤ | ᠠᠵᠤ ᠠᠬᠤᠢ ᠶᠢᠨ ᠠᠵᠢᠯ ᠤᠨ ᠬᠤᠷᠠᠯ ᠠᠴᠠ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠪᠤᠯᠤᠨ ᠬᠤᠷᠸ᠎ᠠ ᠲᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠲᠤᠬᠳᠠᠭᠤᠨ ᠪᠠᠶᠢᠬᠤ᠂ ᠠᠵᠤ | ᠦᠢᠯᠡᠰ ᠤᠨ ᠲᠦᠷᠦ ᠶᠢᠨ ᠪᠤᠳᠤᠯᠭ᠎ᠠ ᠤᠨᠤᠪᠴᠢᠳᠠᠢ ᠪᠠᠶᠢᠬᠤ᠂ ᠬᠤᠮᠠᠬᠢ ᠲᠦᠷᠦ ᠶᠢᠨ ᠪᠤᠳᠤᠯᠭ᠎ᠠ ᠠᠮᠢᠳᠤᠯᠢᠭ | ᠪᠠᠶᠢᠬᠤ᠂ ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠪᠤᠳᠠᠳᠠᠢ ᠪᠠᠶᠢᠬᠤ ᠂ ᠨᠡᠶᠢᠭᠡᠮ ᠤᠨ ᠲᠦᠷᠦ ᠶᠢᠨ | ᠪᠤᠳᠤᠯᠭ᠎ᠠ ᠲᠤᠶᠢᠯᠪᠤᠷᠢᠳᠠᠢ ᠪᠠᠶᠢᠬᠤ ︽ᠲᠠᠪᠤᠨ ᠶᠡᠭᠡ ᠲᠦᠷᠦ ᠶᠢᠨ ᠪᠤᠳᠤᠯᠭ᠎ᠠ ᠶᠢᠨ ᠲᠤᠯᠭᠠᠭᠤᠷᠢ︾ ᠪᠠ | ᠦᠢᠯᠡᠳᠪᠦᠷᠢᠯᠡᠯ ᠤᠨ ᠴᠢᠳᠠᠪᠬᠢ ᠦᠯᠡᠭᠦᠳᠡᠬᠦ ᠶᠢ ᠠᠷᠢᠯᠠᠭᠠᠬᠤ᠂ ᠬᠦᠮᠦᠷᠭᠡ ᠳᠤ ᠬᠠᠳᠠᠭᠠᠯᠠᠬᠤ ᠶᠢ ᠠᠷᠢᠯᠭᠠᠬᠤ᠂ | ᠬᠦᠰᠢᠭᠦᠷᠭᠡ ᠶᠢ ᠠᠷᠢᠯᠭᠠᠬᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠬᠳᠠᠵᠤ ᠪᠠᠶᠢᠬᠤ ᠶᠢ ᠨᠦᠬᠦᠪᠦᠷᠢᠯᠡᠬᠦ | ︽ᠭᠤᠷᠪᠠ ᠶᠢ ᠠᠷᠢᠯᠭᠠᠬᠤ᠂ ᠨᠢᠭᠡ ᠶᠢ ᠪᠠᠭᠤᠷᠠᠭᠤᠯᠬᠤ᠂ ᠨᠢᠭᠡ ᠶᠢ ᠨᠦᠬᠦᠪᠦᠷᠢᠯᠡᠬᠦ︾ ᠲᠠᠪᠤᠨ ᠶᠡᠭᠡ ᠡᠭᠦᠷᠭᠡ ᠶᠢᠨ | ᠱᠠᠭᠠᠷᠳᠠᠯᠭ᠎ᠠ ᠶᠢ ᠲᠤᠷᠠᠳᠤᠨ ᠭᠠᠷᠭᠠᠬᠰᠠᠨ ᠪᠠᠶᠢᠨ᠎ᠠ᠃ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠨ | ᠤᠷᠤᠬᠰᠢᠯᠠᠵᠤ᠂ ᠮᠠᠨ ᠤ ᠬᠤᠰᠢᠭᠤᠨ ᠤ ᠬᠦᠭᠵᠢᠯᠳᠡ ᠨᠢ ᠰᠢᠨ᠎ᠡ ᠲᠡᠤᠬᠡᠨ ᠡᠬᠢᠯᠡᠯᠳᠡ ᠶᠢᠨ ᠴᠡᠭ ᠲᠡᠭᠡᠷ᠎ᠡ ᠢᠷᠡᠯ᠎ᠡ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ | ᠶᠡᠷᠦᠩᠬᠡᠢ ᠱᠠᠭᠠᠷᠳᠠᠯᠭ᠎ᠠ᠂ ᠭᠤᠤᠯ ᠬᠠᠷᠠᠯᠳᠠ ᠪᠠ ᠭᠤᠤᠯᠳᠠᠯᠭ᠎ᠠ ᠲᠠᠢ ᠡᠭᠦᠷᠭᠡ ᠶᠢ ︽ᠰᠢᠯᠤᠭᠤᠨ ᠬᠦᠬᠡ | ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ | ᠲᠠᠪᠤᠨ ᠵᠢᠯ ᠤᠨ ᠬᠦᠭᠵᠢᠯᠳᠡ ᠶᠢᠨ ᠲᠦᠯᠦᠪᠵᠢᠭᠦᠯᠭᠡ ᠶᠢᠨ ᠬᠦᠳᠦᠯᠪᠤᠷᠢ ︵ᠡᠬᠡ ᠨᠤᠤᠷᠠᠭ︶︾ ᠳᠤ ᠪᠦᠬᠦ ᠲᠠᠯ᠎ᠠ | ᠪᠠᠷ ᠲᠤᠳᠤᠷᠬᠠᠶᠢᠯᠠᠵᠤ᠂ ᠨᠢᠭᠡᠨᠳᠡ ᠲᠤᠰ ᠬᠤᠷᠠᠯ ᠳᠤ ᠲᠡᠪᠰᠢᠭᠦᠯᠦᠨ ᠬᠢᠨᠡᠨ ᠵᠦᠪᠯᠡᠭᠦᠯᠦᠭᠰᠡᠨ ᠪᠠᠶᠢᠨ᠎ᠠ᠃ ᠪᠢᠳᠡ | ᠠᠵᠤ ᠠᠬᠤᠢ ᠶᠢᠨ ᠬᠦᠭᠵᠢᠯᠳᠡ ᠶᠢᠨ ᠰᠢᠨ᠎ᠠ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠨ᠂ ᠵᠦᠪ | ᠤᠨᠤᠪᠴᠢᠳᠠᠢ ᠡᠵᠡᠮᠰᠢᠵᠦ᠂ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠤᠨ ᠬᠤᠭᠤᠴᠠᠭᠠᠨ ᠳᠠᠬᠢ | ᠡᠭᠦᠷᠭᠡ ᠶᠢ ᠬᠦᠨᠵᠡᠭᠡᠢ ᠲᠠᠨᠢᠨ᠂ ᠠᠶᠤᠯ ᠲᠦᠭᠰᠢᠭᠦᠷᠢ ᠪᠤᠯᠤᠨ ᠦᠷᠢᠰᠤᠯᠳᠤᠭᠡᠨ ᠢ ᠵᠤᠷᠢᠬᠳᠠᠢ ᠠᠷᠭᠠᠴᠠᠭᠠᠵᠤ᠂ | ᠰᠢᠷᠭᠠᠭᠤ ᠠᠵᠢᠯᠯᠠᠨ᠂ ᠡᠳᠡᠭᠡᠷ ᠬᠠᠷᠠᠯᠳᠠ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠳᠤᠯᠠᠨ᠎ᠠ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ᠬᠦᠭᠵᠢᠯᠳᠡ ᠭᠡᠬᠦ ᠲᠡᠷᠢᠭᠦᠨ ᠴᠢᠬᠤᠯᠠ ᠡᠭᠦᠷᠭᠡ ᠶᠢ ᠪᠠᠷᠢᠮᠳᠠᠯᠠᠬᠤ | ᠬᠡᠷᠡᠭᠲᠠᠢ᠃ ᠪᠦᠬᠦ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠣ ᠬᠦᠴᠦᠨ ᠢ ᠲᠠᠰᠤᠷᠠᠯᠳᠠ ᠦᠭᠡᠢ | ᠪᠤᠵᠠᠭᠠᠶᠢᠷᠠᠭᠤᠯᠵᠤ᠂ ᠠᠵᠤ ᠠᠬᠤᠢ ᠶᠢᠨ ᠲᠤᠮᠳᠠ ᠲᠦᠷᠭᠡᠨ ᠬᠤᠷᠳᠤᠴᠠ ᠪᠠᠷ ᠨᠡᠮᠡᠭᠳᠡᠬᠦ ᠶᠢ ᠴᠢᠷᠮᠠᠶᠢᠨ ᠪᠠᠳᠤᠯᠠᠵᠤ᠂ | ᠠᠵᠤ ᠦᠢᠯᠡᠰ ᠤᠨ ᠬᠦᠭᠵᠢᠯᠳᠡ ᠶᠢᠨ ᠲᠤᠮᠳᠠ ᠦᠨᠳᠦᠷ ᠱᠠᠲᠤ ᠵᠦᠭ ᠲᠠᠪᠰᠢᠬᠤ ᠶᠢ ᠠᠬᠢᠭᠤᠯᠤᠨ᠂ ᠤᠯᠠᠨ | ᠡᠰᠢᠴᠢᠯᠡᠭᠰᠡᠨ ᠬᠦᠭᠵᠢᠯᠳᠡ ᠪᠠ ᠤᠯᠠᠨ ᠲᠠᠯ᠎ᠠ ᠠᠴᠠ ᠲᠤᠯᠭᠠᠭᠤᠷᠢᠯᠠᠭᠰᠠᠨ ᠤᠳᠤᠬᠢᠴᠢᠯᠠᠬᠰᠠᠨ ᠠᠵᠤ ᠦᠢᠯᠡᠰ ᠤᠨ | ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠤᠨ᠎ᠡ᠃ ᠰᠢᠨ᠎ᠡ ᠶᠢ ᠡᠭᠦᠳᠴᠦ ᠬᠦᠭᠵᠢᠭᠦᠯᠬᠦ ᠶᠢ ᠪᠠᠷᠢᠮᠲᠠᠯᠠᠨ᠎ᠠ᠃ | ᠬᠦᠭᠵᠢᠯᠳᠠ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠴᠢᠷᠮᠠᠶᠢᠨ ᠲᠡᠭᠡᠭᠰᠢᠯᠡᠭᠦᠯᠵᠦ᠂ ᠪᠤᠬᠢᠷᠳᠤᠯ ᠦᠭᠡᠢ ᠮᠠᠯ | ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠭᠦᠨ ᠡᠳ᠋ᠰᠢᠭᠦᠯᠬᠦ ᠠᠵᠦ ᠦᠢᠯᠡᠰ ᠢ ᠶᠡᠭᠡ ᠬᠦᠴᠦᠨ ᠢᠶᠠᠷ ᠢᠶᠠᠨ | ᠬᠦᠭᠵᠢᠭᠦᠯᠥᠨ᠂ ᠬᠦᠭᠵᠢᠯᠳᠡ ᠶᠢᠨ ᠬᠡᠯᠪᠡᠷᠢ ᠮᠠᠶ᠋ᠢᠭ ᠤᠨ ᠢᠳᠡᠪᠬᠢᠳᠠᠢ ᠬᠤᠪᠢᠷᠠᠯᠳᠠ ᠶᠢ ᠴᠢᠷᠮᠠᠶᠢᠨ ᠪᠡᠶᠡᠯᠡᠭᠦᠯᠵᠦ᠂ | ᠰᠢᠨᠡᠴᠢᠯᠡᠯᠳᠡ ᠪᠠᠷ ᠲᠤᠯᠭᠠᠭᠤᠷᠢ ᠪᠤᠯᠭᠠᠭᠰᠠᠨ ᠮᠠᠯ ᠲᠠᠷᠢᠶᠠᠯᠩ ᠤᠨ ᠠᠵᠦ ᠠᠬᠤᠢ ᠶᠢᠨ ᠰᠢᠰᠲ᠋ᠧᠮ ᠪᠠ ᠬᠦᠭᠵᠢᠯᠳᠠ | ᠶᠢᠨ ᠬᠡᠪ ᠵᠠᠭᠪᠤᠷ ᠢ ᠪᠦᠷᠢᠯᠳᠦᠬᠦᠯᠦᠨ᠎ᠡ᠃ ᠵᠤᠬᠢᠴᠠᠩᠭᠤᠢ ᠬᠦᠭᠵᠢᠯᠳᠠ ᠶᠢ ᠪᠠᠷᠢᠮᠳᠠᠯᠠᠨ᠎ᠠ᠃ ᠨᠢᠭᠡ ᠲᠠᠯ᠎ᠠ ᠪᠠᠷ᠂ | ᠬᠤᠳᠠ ᠬᠦᠳᠡᠭᠡ ᠶᠢᠨ ᠨᠢᠭᠡᠳᠦᠯᠲᠠᠢ ᠲᠥᠯᠥᠪᠵᠢᠬᠦᠯᠥᠨ ᠵᠤᠬᠢᠴᠠᠭᠤᠯᠤᠭᠰᠠᠨ ᠬᠦᠭᠵᠢᠯᠳᠠ ᠪᠠᠷ ᠰᠠᠭᠤᠷᠢ ᠪᠤᠯᠭᠠᠵᠤ᠂ | ᠬᠤᠳᠠ ᠬᠦᠳᠡᠭᠡ ᠶᠢᠨ ᠨᠢᠭᠡ ᠴᠤᠬᠴᠠᠵᠢᠬᠰᠠᠨ ᠬᠦᠭᠵᠢᠯᠳᠡ ᠶᠢ ᠠᠬᠢᠭᠤᠯᠤᠨ᠂ ᠨᠦᠭᠦᠭᠡ ᠲᠠᠯ᠎ᠠ ᠪᠠᠷ᠂ ᠠᠵᠤ ᠠᠬᠤᠢ | ᠶᠢᠨ ᠬᠡᠯᠪᠠᠷᠢ ᠶᠢᠨ ᠬᠤᠪᠢᠷᠠᠯᠳᠠ ᠪᠤᠯᠤᠨ ᠰᠢᠯᠢᠳᠡᠭᠵᠢᠭᠦᠯᠦᠨ ᠲᠡᠰ ᠲᠡᠪᠰᠢᠭᠦᠯᠬᠦ ᠶᠢ ᠲᠦᠷᠭᠡᠳᠭᠡᠨ ᠠᠬᠢᠭᠤᠯᠵᠦ᠂ | ᠤᠷᠴᠢᠯᠳᠤ ᠠᠵᠦ ᠠᠬᠤᠢ ᠶᠢᠨ ᠳᠠᠭᠠᠭᠠᠮᠠᠭᠠᠢ ᠵᠤᠬᠢᠴᠠᠩᠭᠤᠢ ᠬᠦᠭᠵᠢᠯᠳᠠ ᠶᠢ ᠪᠡᠶᠡᠯᠡᠭᠦᠯᠦᠨ᠎ᠡ᠃ ᠨᠡᠭᠡᠭᠡᠯᠳᠡᠳᠦ | ᠬᠦᠭᠵᠢᠯᠳᠠ ᠶᠢ ᠪᠠᠷᠢᠮᠳᠠᠯᠠᠨ᠎ᠡ᠃ ᠶᠤᠸᠠᠨ ᠤ ᠲᠡᠭᠡᠳᠦ ᠨᠡᠶᠢᠰᠯᠠᠯ ᠤᠨ ᠰᠤᠶᠤᠯ ᠤᠨ ᠠᠭᠤᠯᠤᠭᠳᠠᠬᠤᠨ ᠪᠠ | ᠵᠢᠭᠤᠯᠴᠢᠯᠠᠯ ᠤᠨ ᠦᠨ᠎ᠠ ᠦᠷᠳᠡᠭ ᠢ ᠭᠦᠨᠵᠡᠬᠡᠢ ᠠᠭᠤᠳᠠᠯᠯᠠᠵᠤ᠂ ︽ᠲᠠᠯ᠎ᠠ ᠨᠤᠳᠤᠭ ᠤᠨ ᠰᠤᠶᠤᠯ ᠤᠨ ᠣᠨᠴᠠᠯᠢᠭ | ᠢ ᠬᠠᠷᠠᠭᠤᠯᠵᠤ᠂ ᠤᠮᠠᠷᠠᠳᠤ ᠬᠢᠯᠢ ᠶᠢᠨ ᠤᠨᠴᠠᠯᠢᠭ ᠢ ᠪᠦᠷᠢᠯᠳᠦᠭᠦᠯᠦᠭᠰᠡᠨ︾ ᠰᠤᠶᠤᠯ ᠵᠢᠭᠤᠯᠴᠢᠯᠠᠯ ᠤᠨ | ᠦᠵᠡᠮᠵᠢᠳᠦ ᠣᠷᠣᠨ ᠢ ᠪᠦᠳᠦᠭᠡᠨ ᠪᠠᠶᠢᠭᠤᠯᠵᠣ᠂ ᠭᠠᠳᠠᠭᠰᠢ ᠲᠠᠯᠭᠡᠨ ᠦᠵᠡᠭᠦᠯᠬᠦ ᠨᠠᠷᠠᠳᠦ ᠲᠡᠮᠳᠡᠭ ᠪᠠ ᠭᠡᠭᠡᠪᠴᠢ | ᠶᠢ ᠡᠭᠦᠳᠦᠨ᠎ᠡ᠃ ᠪᠤᠬᠢᠷᠳᠤᠯ ᠦᠭᠡᠢ ᠬᠦᠭᠵᠢᠯᠳᠠ ᠶᠢ ᠪᠠᠷᠢᠮᠳᠠᠯᠠᠨ᠎ᠠ᠃ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠦᠳᠦᠭᠡᠨ ᠪᠠᠶᠢᠭᠤᠯᠵᠤ᠂ ᠲᠠᠯ᠎ᠠ ᠨᠤᠳᠤᠭ ᠤᠨ ᠤᠷᠭᠤᠮᠠᠯ ᠤᠨ ᠪᠦᠷᠬᠦᠴᠠ ᠶᠢᠨ ᠪᠦᠷᠬᠦᠯᠳᠡ ᠶᠢᠨ | ᠬᠡᠮᠵᠢᠶ᠎ᠡ ᠪᠠ ᠤᠢ ᠮᠤᠳᠤᠨ ᠤ ᠪᠦᠷᠬᠦᠴᠠ ᠶᠢᠨ ᠬᠡᠮᠵᠢᠶ᠎ᠡ ᠶᠢ ᠦᠷᠭᠦᠯᠵᠢᠯᠡᠨ ᠲᠡᠭᠡᠭᠰᠢᠯᠡᠭᠦᠯᠵᠦ᠂ ᠠᠮᠢ ᠠᠬᠤᠢ ᠶᠢᠨ | ᠤᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠂ ᠭᠤᠤᠯ ᠪᠤᠬᠢᠷᠳᠤᠯ ᠲᠠᠢ ᠪᠤᠳᠠᠰ ᠤᠨ | ᠭᠠᠳᠠᠬᠰᠢᠯᠠᠭᠤᠯᠤᠯᠳᠠ ᠶᠢᠨ ᠶᠡᠷᠥᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠠᠮᠢ ᠠᠬᠤᠢ ᠶᠢᠨ ᠤᠷᠴᠢᠨ ᠢ ᠣᠯᠠᠮ | ᠨᠢᠭᠡ ᠠᠯᠬᠤᠮ ᠰᠠᠶᠢᠵᠢᠷᠠᠭᠤᠯᠵᠤ᠂ ︽ᠠᠭᠠᠷ ᠨᠢ ᠴᠡᠯᠮᠡᠭ᠂ ᠣᠰᠣ ᠨᠢ ᠲᠤᠩᠭᠠᠯᠠᠭ᠂ ᠡᠪᠡᠰᠦ ᠨᠢ ᠨᠤᠭᠤᠭᠠᠨ︾ | ᠦᠵᠡᠮᠵᠢᠳᠦ ᠰᠠᠶᠢᠬᠠᠨ ᠭᠡᠷ ᠣᠷᠣᠨ ᠢᠶᠠᠨ ᠪᠦᠳᠦᠭᠡᠨ ᠪᠠᠶᠢᠭᠤᠯᠤᠨ᠎ᠠ᠃ ᠬᠦᠭᠵᠢᠯᠳᠡ ᠶᠢ ᠬᠠᠮᠳᠣᠪᠠᠷ ᠡᠳ᠋ᠯᠡᠬᠦ ᠶᠢ | ᠪᠠᠷᠢᠮᠳᠠᠯᠠᠨ᠎ᠠ᠃ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠷ ᠬᠦᠭᠵᠢᠯᠳᠠ ᠶᠢᠨ ᠬᠠᠷᠠᠯᠳᠠ ᠪᠠ | ᠡᠴᠦᠰ ᠤᠨ ᠵᠤᠷᠢᠯᠭ᠎ᠠ ᠪᠤᠯᠭᠠᠵᠤ᠂ ᠰᠤᠷᠭᠠᠨ ᠬᠦᠮᠦᠵᠢᠯ᠂ ᠡᠮ ᠡᠮᠨᠡᠯᠭᠡ᠂ ᠠᠵᠢᠯ ᠤᠯᠭᠤᠯᠳᠠ᠂ ᠨᠠᠰᠤᠵᠢᠯ ᠤᠨ | ᠲᠠᠭᠠᠳᠬᠠᠯ ᠵᠡᠷᠭᠡ ᠠᠵᠢᠯ ᠦᠢᠯᠡᠰ ᠤᠨ ᠲᠤᠭᠲᠠᠭᠤᠨ ᠬᠦᠭᠵᠢᠯᠳᠡ ᠶᠢ ᠠᠬᠢᠭᠤᠯᠤᠨ᠂ ᠬᠤᠳᠠ ᠬᠦᠳᠡᠭᠡ ᠶᠢᠨ | ᠦᠨᠳᠦᠰᠦᠨ ᠤᠯᠠᠨ ᠨᠡᠶᠢᠳᠠ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢᠳᠠᠢ ᠬᠢᠷᠢ ᠲᠥᠪᠰᠢᠨ ᠢ | ᠲᠡᠭᠡᠭᠰᠢᠯᠡᠭᠦᠯᠵᠦ᠂ ᠠᠷᠠᠳ ᠤᠯᠠᠨ ᠤ ᠦᠵᠡᠯ ᠰᠠᠨᠠᠭ᠎ᠠ ᠶᠣᠰᠤ ᠰᠤᠷᠳᠠᠬᠤᠨ᠂ ᠰᠢᠨᠵᠢᠯᠡᠬᠦ ᠣᠬᠠᠭᠠᠨ ᠰᠤᠶᠤᠯ ᠪᠠ | ᠡᠷᠡᠭᠦᠯ ᠴᠠᠭᠢᠷᠠᠭ ᠬᠡᠪ ᠪᠤᠯᠪᠠᠰᠤᠷᠠᠯ ᠢ ᠲᠡᠭᠡᠭᠰᠢᠯᠡᠭᠦᠯᠥᠨ᠂ ᠡᠯ᠎ᠡ ᠦᠨᠳᠦᠰᠦᠳᠡᠨ ᠤ ᠠᠷᠠᠳ ᠲᠥᠮᠡᠨ ᠤ ᠴᠢᠨᠡᠭᠡᠯᠢᠭ | ᠨᠡᠶᠢᠭᠡᠮ ᠳᠤ ᠬᠠᠮᠳᠤᠪᠡᠷ ᠠᠯᠬᠤᠨ ᠤᠷᠤᠬᠤ ᠬᠠᠷᠠᠯᠳᠠ ᠶᠢ ᠪᠠᠶᠠᠯᠠᠭᠦᠯᠦᠨ᠎ᠡ᠃ ᠡᠶ᠎ᠡ ᠵᠤᠬᠢᠴᠠᠯᠲᠦ ᠰᠢᠯᠤᠭᠤᠨ ᠬᠦᠬᠡ | ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠣᠨ᠎ᠠ᠃ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ | ᠬᠠᠪᠰᠤᠷᠤᠯᠴᠠᠬᠰᠠᠨ᠂ ᠡᠶ᠎ᠡ ᠵᠤᠬᠢᠴᠠᠯ ᠲᠠᠢ ᠨᠡᠶᠢᠭᠡᠮ ᠵᠢᠷᠤᠮᠳᠤ ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ | ᠬᠦᠭᠵᠢᠭᠦᠯᠵᠦ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠤᠨ᠂ ᠬᠠᠤᠯᠢ ᠪᠠᠷ ᠵᠠᠰᠠᠬᠤ | ᠵᠠᠰᠠᠭ ᠤᠨ ᠤᠷᠳᠤᠨ ᠢ ᠦᠨᠳᠦᠰᠦᠨ ᠳᠡᠭᠡᠨ ᠪᠠᠶᠢᠭᠤᠯᠵᠤ᠂ ᠪᠦᠬᠦ ᠠᠷᠠᠳ ᠢᠶᠠᠷ ᠢᠶᠠᠨ ᠬᠠᠮᠳᠤᠪᠡᠷ ᠪᠠᠶᠢᠭᠤᠯᠵᠤ | ᠬᠠᠮᠳᠤᠪᠠᠷ ᠡᠳ᠋ᠯᠡᠭᠰᠡᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠬᠤᠢ ᠪᠠᠶᠢᠳᠠᠯ ᠢ ᠪᠤᠢ | ᠪᠤᠯᠭᠠᠨ᠎ᠠ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠡ ᠬᠤᠷᠳᠤᠴᠠ ᠶᠢ ᠨᠡᠮᠡᠭᠳᠡᠭᠦᠯᠬᠦ᠂ ᠡᠳ᠋ ᠤᠨ ᠵᠠᠰᠠᠭ ᠤᠨ | ᠤᠷᠤᠯᠭ᠎ᠠ᠂ ᠮᠠᠯᠴᠢᠨ ᠲᠠᠷᠢᠶᠠᠴᠢᠳ ᠤᠨ ᠤᠷᠤᠯᠭ᠎ᠠ᠂ ᠰᠤᠶᠤᠯ ᠵᠢᠭᠤᠯᠴᠢᠯᠠᠯ᠂ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ᠂ ᠶᠡᠷᠦᠩᠬᠡᠶᠢᠯᠡᠭᠰᠡᠨ ᠵᠦᠷᠢᠯᠢᠭ ᠵᠠᠮ ᠬᠠᠷᠢᠯᠴᠠᠭ᠎ᠠ᠂ ᠦᠨᠳᠦᠰᠦᠳᠡᠨ ᠤ ᠵᠠᠩ ᠦᠢᠯᠡ ᠪᠤᠯᠤᠨ ᠪᠡᠶ᠎ᠡ | ᠲᠠᠮᠢᠷ᠂ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠵᠡᠷᠭᠡ ᠲᠠᠯ᠎ᠠ ᠪᠠᠷ | ︽ᠨᠠᠢᠮᠠᠨ ᠬᠡᠪ ᠲᠠᠭᠤᠷᠢᠶᠠᠯ ᠵᠢᠱᠢᠶ᠎ᠡ ᠦᠵᠡᠭᠦᠯᠬᠦ︾ ᠶᠢ ᠪᠡᠶᠡᠯᠡᠭᠦᠯᠦᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ᠂ | ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠡ ᠪᠦᠳᠦᠭᠡᠨ ᠪᠠᠶᠢᠭᠤᠯᠤᠯᠳᠠ᠂ ᠰᠤᠶᠤᠯ ᠵᠢᠭᠤᠯᠴᠢᠯᠠᠯ᠂ | ᠲᠦᠬᠦᠭᠡᠷᠦᠮᠵᠢ ᠦᠢᠯᠡᠳᠬᠦ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠬᠦᠨ ᠡᠳ᠋ᠰᠢᠭᠦᠯᠬᠦ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ︽ᠵᠢᠷᠭᠤᠭᠠᠨ | ᠰᠢᠪᠳᠤᠯᠤᠯᠳᠠ︾ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠪᠡᠶ᠎ᠡ ᠶᠢᠨ | ᠬᠡᠪ ᠲᠠᠭᠤᠷᠢᠶᠠᠯ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠢᠳᠡᠨ ᠤ ᠡᠮᠦᠨ᠎ᠡ ᠠᠵᠠ ᠲᠤᠬᠢᠶᠠᠯ | ᠪᠤᠯᠤᠨ ᠦᠷᠢᠰᠦᠯᠳᠦᠭᠡᠨ ᠵᠡᠷᠭᠡᠪᠡᠷ ᠤᠷᠤᠰᠢᠵᠤ ᠪᠤᠢ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠰᠤᠷᠠᠭ | ᠵᠠᠩᠬᠢᠵᠢᠯᠳᠡ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠬᠦᠨᠵᠡᠭᠡᠢ | ᠠᠬᠢᠬᠤ ᠶᠢ ᠲᠠᠭᠠᠯᠳᠤᠨ᠂ ᠮᠠᠨ ᠤ ᠬᠤᠰᠢᠭᠤᠨ ᠤ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ ᠪᠤᠯᠤᠨ | ᠰᠡᠯᠡᠭᠦᠴᠡᠯ ᠵᠢᠭᠤᠯᠴᠢᠯᠠᠯ ᠤᠨ ᠵᠠᠬ᠎ᠠ ᠲᠡᠯᠭᠡᠭᠦᠷ ᠢ ᠨᠡᠭᠡᠭᠡᠬᠦ ᠳᠤ ᠠᠵᠠ ᠲᠤᠬᠢᠶᠠᠯ ᠬᠠᠩᠭᠠᠨ ᠦᠭᠴᠠᠢ︔ ᠵᠠᠰᠠᠭ ᠢ | ᠴᠤᠮᠬᠠᠳᠬᠠᠵᠤ ᠡᠷᠬᠡ ᠶᠢ ᠲᠠᠯᠪᠢᠬᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ᠂ ᠪᠡᠯᠡ ᠤᠷᠤᠭᠤᠯᠤᠯᠳᠠ ᠪᠠ | ᠪᠡᠯᠡ ᠬᠤᠷᠠᠮᠳᠣᠭᠤᠯᠬᠤ ᠶᠢᠨ ᠪᠠᠶᠢᠭᠤᠯᠤᠮᠵᠢ᠂ ᠦᠨ᠎ᠡ ᠬᠠᠩᠰᠢ ᠶᠢᠨ ᠲᠤᠬᠳᠠᠯᠴᠠᠭ᠎ᠠ ᠵᠡᠷᠭᠡ ᠦᠭᠡᠷᠡᠴᠢᠯᠡᠯᠳᠡ ᠶᠢᠨ | ᠪᠦᠬᠦ ᠲᠠᠯ᠎ᠠ ᠪᠠᠷ ᠠᠬᠢᠬᠤ ᠶᠢ ᠲᠠᠭᠠᠯᠳᠤᠨ ᠠᠵᠤ ᠠᠬᠤᠢ ᠶᠢᠨ ᠬᠦᠭᠵᠢᠯᠳᠡ ᠶᠢᠨ ᠲᠦᠷᠢᠮ ᠤᠨ ᠤᠷᠴᠢᠨ ᠤᠯᠠᠮ | ᠨᠢᠭᠡ ᠠᠯᠬᠤᠮ ᠰᠢᠯᠢᠳᠡᠭᠵᠢᠵᠦ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠪᠠᠳᠠᠷᠠᠭᠤᠯᠬᠤ | ᠪᠤᠯᠤᠨ᠎ᠠ᠃ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ ᠯᠤᠭ᠎ᠠ ᠬᠠᠮᠳᠤᠷᠠᠨ ᠬᠦᠭᠵᠢᠬᠦ | ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠳᠡ ᠶᠢ ᠲᠠᠭᠠᠯᠳᠤᠨ ᠭᠠᠳᠠᠬᠰᠢᠬᠢ ᠨᠡᠭᠡᠭᠡᠯᠳᠡ ᠶᠢᠨ ᠠᠯᠬᠤᠴᠠ | ᠲᠦᠷᠭᠡᠳᠴᠦ᠂ ᠠᠵᠤ ᠠᠬᠤᠢ ᠶᠢᠨ ᠨᠡᠮᠡᠭᠳᠡᠯ ᠳᠤ ᠰᠢᠨ᠎ᠡ ᠦᠰᠦᠯᠳᠡ ᠶᠢᠨ ᠤᠷᠤᠨ ᠵᠠᠢ ᠶᠢ ᠪᠦᠷᠢᠯᠳᠦᠭᠦᠯᠦᠭᠰᠡᠨ | ᠬᠠᠮᠳᠤ ᠠᠵᠤ ᠦᠢᠯᠡᠰ ᠤᠨ ᠰᠢᠯᠵᠢᠯᠳᠡ ᠶᠢ ᠵᠠᠯᠭᠠᠮᠵᠢᠯᠠᠬᠤ ᠳᠤ ᠠᠵᠠ ᠲᠤᠬᠢᠶᠠᠯ ᠬᠠᠩᠭᠠᠪᠠ︔ ︽ᠭᠤᠷᠪᠠ ᠶᠢ | ᠠᠷᠢᠯᠭᠠᠬᠤ᠂ ᠨᠢᠭᠡ ᠶᠢ ᠪᠠᠭᠤᠷᠠᠭᠤᠯᠬᠤ᠂ ᠨᠢᠭᠡ ᠶᠢ ᠨᠦᠬᠦᠪᠦᠷᠢᠯᠡᠬᠦ︾ ᠲᠠᠪᠤᠨ ᠶᠡᠭᠡ ᠡᠭᠦᠷᠭᠡ ᠶᠢᠨ ᠠᠭᠠᠵᠢᠮ ᠢᠶᠠᠷ | ᠬᠡᠷᠡᠭᠵᠢᠭᠦᠯᠦᠭᠳᠡᠬᠦ ᠶᠢ ᠲᠠᠭᠠᠯᠳᠤᠨ᠂ ᠮᠠᠨ ᠤ ᠬᠤᠰᠢᠭᠤᠨ ᠤ ᠦᠢᠯᠡᠳᠪᠦᠷᠢᠯᠡᠯ ᠤᠨ ᠴᠢᠳᠠᠪᠬᠢ ᠦᠯᠡᠭᠦᠳᠡᠬᠦ ᠶᠢ | ᠠᠷᠢᠯᠭᠠᠬᠤ᠂ ᠬᠦᠮᠦᠷᠭᠡ ᠳᠤ ᠬᠠᠳᠠᠭᠠᠯᠠᠬᠤ ᠶᠢ ᠠᠷᠢᠯᠭᠠᠬᠤ ᠂ ᠬᠦᠰᠢᠭᠦᠷᠭᠡ ᠶᠢ ᠠᠷᠢᠯᠭᠠᠬᠤ ᠶᠢᠨ ᠲᠠᠷᠤᠯᠳᠠ | ᠬᠠᠷᠢᠴᠠᠩᠭᠤᠢ ᠪᠠᠷ ᠪᠠᠭᠠᠰᠴᠤ ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠬᠳᠠᠵᠤ ᠪᠠᠶᠢᠬᠤ ᠶᠢ | ᠨᠦᠬᠦᠪᠦᠷᠢᠯᠡᠬᠦ ᠳᠤ ᠤᠴᠠᠷᠠᠭᠤᠯᠤᠬᠰᠠᠨ ᠠᠰᠢᠬᠳᠠᠢ ᠬᠦᠴᠦᠨ ᠵᠦᠢᠯ ᠨᠢ ᠬᠠᠷᠢᠨ ᠨᠡᠩ ᠤᠯᠠᠨ ᠪᠠᠶᠢᠵᠤ᠂ ᠠᠵᠤ | ᠠᠬᠤᠢ ᠶᠢᠨ ᠪᠦᠳᠦᠴᠡ ᠶᠢᠨ ᠬᠡᠯᠪᠡᠷᠢ ᠶᠢᠨ ᠬᠤᠪᠢᠷᠠᠭᠤᠯᠤᠯᠳᠠ ᠶᠢᠨ ᠲᠡᠰ ᠲᠡᠪᠰᠢᠬᠦ ᠳᠤ ᠨᠦᠬᠦᠴᠡᠯ ᠡᠭᠦᠳᠦᠨ | ᠦᠭᠪᠡ︔ ᠤᠯᠤᠰ ᠤᠨ ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠭᠦᠯᠬᠦ ᠵᠡᠷᠭᠡ ᠪᠠᠶᠢᠯᠳᠤᠬᠤ ᠪᠤᠳᠤᠯᠭ᠎ᠠ ᠶᠢᠨ | ᠦᠷᠭᠦᠯᠵᠢᠯᠡᠨ ᠬᠡᠷᠡᠭᠵᠢᠭᠦᠯᠦᠭᠳᠡᠬᠦ ᠶᠢ ᠲᠠᠭᠠᠯᠳᠤᠨ ᠬᠢᠯᠢ ᠬᠢᠵᠠᠭᠠᠷ ᠤᠷᠤᠨ᠂ ᠴᠦᠭᠡᠨ ᠲᠤᠭᠠᠳᠤ ᠦᠨᠳᠦᠰᠦᠳᠡᠨ ᠤ | ᠭᠠᠵᠠᠷ ᠤᠷᠤᠨ ᠤ ᠬᠦᠭᠵᠢᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠤᠯᠠᠮ ᠨᠢᠭᠡ ᠠᠯᠬᠤᠮ ᠨᠠᠶᠢᠳᠠᠪᠤᠷᠢᠵᠢᠬᠳᠠᠵᠤ | ᠂ ᠮᠠᠨ ᠤ ᠬᠤᠰᠢᠭᠤᠨ ᠤ ᠰᠢᠨ᠎ᠡ ᠪᠠᠷ ᠮᠠᠨᠳᠤᠬᠰᠠᠨ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠵᠦ᠂ ᠰᠠᠭᠤᠷᠢ | ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ | ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠲᠦᠷᠦ ᠶᠢᠨ ᠪᠤᠳᠤᠯᠭ᠎ᠠ ᠶᠢᠨ ᠤᠷᠴᠢᠨ ᠨᠢ ᠨᠡᠩ | ᠰᠢᠯᠢᠳᠡᠭᠵᠢᠨ ᠲᠡᠭᠦᠯᠳᠡᠷᠵᠢᠬᠦ ᠪᠤᠯᠤᠨ᠎ᠠ᠃ | ᠡᠭᠦᠨ ᠤ ᠬᠠᠮᠳᠤ᠂ ᠪᠢᠳᠡ ᠬᠤᠶᠢᠰᠢᠳᠠ ᠶᠢᠨ ᠲᠠᠪᠤᠨ ᠵᠢᠯ ᠳᠤ ᠲᠤᠬᠢᠶᠠᠯᠳᠤᠬᠤ ᠬᠦᠴᠢᠷᠳᠡᠯ ᠪᠠ ᠢᠯᠡᠷᠡᠵᠦ | ᠮᠡᠳᠡᠬᠦ ᠠᠰᠠᠭᠤᠳᠠᠯ ᠢ ᠰᠡᠷᠭᠡᠭ ᠢᠶᠠᠷ ᠤᠯᠵᠤ ᠲᠠᠨᠢᠬᠤ ᠬᠡᠷᠡᠭᠳᠠᠢ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ | ᠲᠤᠰ ᠪᠡᠶ᠎ᠡ ᠶᠢᠨ ᠡᠳ᠋ ᠤᠨ ᠬᠦᠴᠦᠨ ᠪᠠᠭᠤᠷᠠᠢ᠂ ᠠᠶᠤᠯ ᠲᠦᠭᠰᠢᠭᠦᠷᠢ ᠪᠠ ᠬᠡᠯᠪᠡᠯᠵᠡᠯᠳᠡ ᠶᠢ ᠰᠡᠷᠬᠡᠶᠢᠯᠡᠬᠦ ᠴᠢᠳᠠᠪᠤᠷᠢ | ᠴᠢᠩᠭ᠎ᠠ ᠪᠢᠰᠢ᠂ ᠬᠤᠳᠠ ᠬᠦᠳᠡᠭᠡ᠂ ᠤᠷᠤᠨ ᠲᠤᠭᠤᠷᠢᠭ ᠤᠨ ᠬᠦᠭᠵᠢᠯᠳᠡ ᠶᠢᠨ ᠵᠤᠬᠢᠴᠠᠭᠤᠯᠭ᠎ᠠ ᠬᠦᠷᠦᠯᠴᠡᠬᠦ | ᠦᠭᠡᠢ ᠪᠠᠶᠢᠵᠤ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠪᠠᠰᠠ ᠨᠡᠯᠢᠶᠡᠳ ᠬᠤᠴᠤᠷᠤᠩᠭᠤᠢ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠲᠤᠤᠷ᠎ᠠ ᠪᠠᠶᠢᠨ᠎ᠠ︔ ᠡᠬᠢ ᠪᠠᠶᠠᠯᠢᠭ ᠤᠨ | ᠤᠷᠴᠢᠨ ᠲᠤᠭᠤᠷᠢᠨ ᠤ ᠬᠢᠵᠠᠭᠠᠷᠯᠠᠯ ᠠᠴᠠ ᠠᠪᠴᠤ ᠦᠵᠡᠪᠡᠯ᠂ ᠪᠦᠬᠦ ᠬᠤᠰᠢᠭᠤᠨ ᠤ ᠠᠮᠢ ᠠᠬᠤᠢ ᠶᠢᠨ ᠰᠢᠰᠲ᠋ᠧᠮ | ᠮᠦᠨ ᠯᠡ ᠪᠠᠭᠤᠷᠠᠢ ᠪᠠᠶᠢᠵᠤ᠂ ᠤᠷᠴᠢᠨ ᠲᠤᠭᠤᠷᠢᠨ ᠤ ᠲᠠᠭᠠᠭᠠᠴᠠ ᠶᠢᠨ ᠴᠢᠳᠠᠪᠤᠷᠢ ᠠᠨᠠᠢ᠂ ᠲᠠᠯ᠎ᠠ ᠨᠤᠳᠤᠭ ᠤᠨ | ᠡᠯᠡᠰᠦᠷᠬᠡᠭᠵᠢᠯ ᠤᠨ ᠬᠠᠨᠳᠤᠰᠢ ᠶᠢ ᠬᠠᠷᠠᠬᠠᠨ ᠬᠤᠪᠢᠷᠠᠭᠤᠯᠵᠤ ᠲᠡᠶᠢᠯᠦᠭᠡᠳᠦᠢ ᠪᠠᠶᠢᠬᠰᠠᠭᠠᠷ︔ ᠰᠠᠭᠤᠷᠢ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠂ ᠤᠰᠤ ᠴᠠᠬᠢᠯᠭᠠᠨ ᠵᠠᠮ ᠤᠨ ᠲᠤᠤᠷ ᠰᠦᠯᠵᠢᠶ᠎ᠡ | ᠬᠠᠷᠠᠬᠠᠨ ᠲᠡᠭᠦᠯᠳᠡᠷᠵᠢᠭᠡᠳᠦᠢ ᠪᠠᠶᠢᠭ᠎ᠠ ᠪᠦᠭᠡᠳ ᠨᠡᠶᠢᠭᠡᠮ ᠤᠨ ᠠᠷᠠᠳ ᠤᠨ ᠠᠮᠢᠳᠤᠷᠠᠯ ᠤᠨ ᠲᠠᠯ᠎ᠠ ᠪᠠᠷ᠂ ᠰᠤᠷᠭᠠᠨ | ᠬᠦᠮᠦᠵᠢᠯ᠂ ᠡᠮ ᠡᠮᠨᠡᠯᠭᠡ ᠶᠢᠨ ᠶᠠᠰᠤ ᠴᠢᠨᠠᠷ ᠢ ᠬᠦᠭᠵᠢᠭᠰᠡᠨ ᠭᠠᠵᠠᠷ ᠤᠷᠤᠨ ᠲᠠᠢ ᠬᠠᠷᠢᠴᠠᠭᠤᠯᠪᠠᠯ ᠨᠡᠯᠢᠶᠡᠳ ᠶᠡᠭᠡ | ᠵᠦᠷᠢᠶ᠎ᠡ ᠤᠷᠤᠰᠢᠵᠤ ᠪᠤᠢ︔ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠮᠦᠨ ᠯᠡ ᠨᠡᠯᠢᠶᠡᠳ | ᠲᠤᠪᠤᠶᠢᠮ᠎ᠠ ᠪᠠᠶᠢᠵᠤ᠂ ᠭᠠᠵᠠᠷ ᠣᠷᠣᠨ ᠤ ᠵᠠᠰᠠᠭ ᠤᠨ ᠤᠷᠳᠤᠨ ᠤ ᠦᠷᠢ ᠰᠢᠷᠢ ᠶᠢᠨ ᠲᠠᠷᠤᠭᠠᠰᠤ ᠶᠡᠭᠡ ᠪᠠᠶᠢᠭ᠎ᠠ | ᠪᠦᠭᠡᠳ ᠠᠵᠤ ᠠᠬᠤᠢ ᠶᠢᠨ ᠲᠤᠬᠢᠷᠠᠭᠤᠯᠭ᠎ᠠ᠂ ᠤᠯᠠᠨ ᠨᠡᠶᠢᠳᠡ ᠶᠢᠨ ᠦᠢᠯᠡᠴᠢᠯᠡᠭᠡ᠂ ᠵᠠᠬ᠎ᠠ ᠲᠡᠯᠭᠡᠭᠦᠷ ᠤᠨ ᠬᠢᠨᠠᠨ | ᠬᠠᠮᠢᠶᠠᠷᠤᠯᠳᠠ ᠶᠢᠨ ᠲᠠᠯ᠎ᠠ ᠪᠠᠷ ᠬᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠳᠠᠢ | ᠪᠠᠶᠢᠨ᠎ᠠ᠃ ᠶᠡᠷᠦᠩᠬᠡᠶᠢᠯᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤᠨ | ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠤᠪᠤᠷᠬᠠᠨ ᠲᠤᠬᠢᠶᠠᠯᠳᠤᠬᠤ ᠠᠵᠠ ᠲᠤᠬᠢᠶᠠᠯ | ᠤᠷᠤᠰᠢᠵᠤ ᠪᠠᠶᠢᠬᠤ ᠪᠠᠷ ᠪᠠᠷᠠᠬᠤ ᠦᠭᠡᠢ ᠪᠠᠰᠠ ᠬᠤᠷᠴᠠ ᠰᠢᠷᠦᠭᠦᠨ ᠦᠷᠢᠰᠦᠯᠳᠦᠭᠡᠨ ᠲᠤᠯᠭᠠᠷᠠᠵᠤ ᠪᠠᠶᠢᠭ᠎ᠠ | ᠪᠤᠯᠪᠠᠴᠤ ᠪᠦᠬᠦᠶᠢᠯᠡ ᠴᠤᠬᠴᠠ ᠶᠢᠨ ᠲᠠᠯ᠎ᠠ ᠠᠴᠠ ᠠᠪᠴᠤ ᠦᠵᠡᠪᠡᠯ ᠲᠤᠩ ᠶᠡᠭᠡ ᠪᠠᠶᠢᠯᠳᠤᠬᠤ ᠪᠤᠳᠤᠯᠭ᠎ᠠ ᠶᠢᠨ | ᠠᠵᠠ ᠲᠤᠬᠢᠶᠠᠯ ᠲᠠᠢ ᠴᠠᠭ ᠬᠤᠭᠤᠴᠠᠭ᠎ᠠ ᠪᠤᠯᠬᠤ ᠶᠤᠮ᠃ ᠪᠢᠳᠡ ᠡᠷᠬᠡᠪᠰᠢ ᠲᠡᠭᠡᠳᠦ ᠬᠡᠮᠵᠢᠶᠡᠨ ᠤ | ᠬᠠᠷᠢᠭᠤᠴᠠᠯᠭᠠᠳᠤ ᠵᠤᠷᠢᠭ ᠰᠠᠨᠠᠭ᠎ᠠ ᠶᠢ ᠡᠪᠦᠷᠯᠡᠨ᠂ ᠯᠠᠪᠳᠠᠭᠤᠨ ᠪᠠᠳᠤᠳᠠᠢ ᠠᠵᠢᠯ ᠪᠠ ᠭᠤᠶᠢᠪᠢᠰᠢ ᠦᠭᠡᠢ | ᠴᠢᠷᠮᠠᠶᠢᠯᠭ᠎ᠠ ᠪᠠᠷ ᠢᠶᠠᠨ ᠡᠳᠡᠭᠡᠷ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠰᠢᠨ᠎ᠡ ᠡᠬᠢᠯᠡᠯᠳᠡ ᠶᠢᠨ ᠴᠡᠭ ᠲᠡᠭᠡᠷ᠎ᠡ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠮᠵᠢᠯᠳᠠ ᠶᠢ ᠤᠯᠬᠤ ᠪᠠᠷ ᠴᠢᠷᠮᠠᠶᠢᠬᠤ | ᠬᠡᠷᠡᠭᠳᠠᠢ᠃ | ᠡᠨᠡ ᠵᠢᠯ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠡᠬᠢᠯᠡᠯᠳᠡ | ᠶᠢᠨ ᠵᠢᠯ ᠪᠠᠶᠢᠵᠤ᠂ ᠡᠯ᠎ᠡ ᠲᠦᠷᠦᠯ ᠤᠨ ᠠᠵᠢᠯ ᠢ ᠰᠠᠶᠢᠳᠤᠷ ᠪᠡᠶᠡᠯᠡᠭᠦᠯᠬᠦ ᠨᠢ ᠲᠤᠩ ᠶᠡᠭᠡ ᠠᠴᠢ ᠬᠤᠯᠪᠤᠬᠳᠠᠯ ᠲᠠᠢ | ᠶᠤᠮ︔ ᠪᠢᠳᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠬᠢᠯᠡᠯᠳᠡ ᠶᠢᠨ ᠵᠢᠯ ᠳᠠᠬᠢ ᠬᠦᠭᠵᠢᠯᠳᠡ ᠶᠢᠨ | ᠠᠵᠠ ᠲᠤᠬᠢᠶᠠᠯ ᠢ ᠬᠦᠢᠴᠡᠳ ᠡᠵᠡᠮᠰᠢᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨᠡᠯ᠎ᠡ ᠲᠦᠷᠦᠯ ᠤᠨ | ᠠᠵᠢᠯ ᠦᠢᠯᠡᠰ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠤᠨ᠎ᠠ ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ | ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠮᠠᠨ ᠤ ᠤᠷᠤᠨ ᠳᠤ | ᠲᠤᠭᠤᠷᠢᠨ ᠪᠠᠶᠢᠴᠠᠭᠠᠬᠤ ᠦᠶᠡᠰ ᠲᠠᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ | ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ | ᠪᠠᠶᠢᠷᠢᠯᠠᠭᠤᠯᠤᠯᠳᠠ ᠶᠤᠰᠤᠭᠠᠷ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠠ ︽ | ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠰᠢᠨᠡᠴᠢᠯᠡᠬᠦ᠂ ᠵᠤᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠳᠡ ᠲᠠᠢ᠂ | ᠬᠦᠭᠵᠢᠯᠳᠡ ᠶᠢ ᠬᠠᠮᠳᠤᠪᠡᠷ ᠡᠳ᠋ᠯᠡᠬᠦ︾ ᠬᠦᠭᠵᠢᠯᠳᠡ ᠶᠢᠨ ᠤᠶᠢᠯᠠᠭᠠᠬᠳᠠᠬᠤᠨ ᠢ ᠪᠠᠳᠤ ᠪᠤᠢ ᠪᠤᠯᠭᠠᠨ᠂ ᠠᠵᠤ | ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠵᠤ᠂ ᠲᠤᠬᠳᠠᠭᠤᠨ ᠤ | ᠲᠤᠮᠳᠠ ᠤᠷᠤᠬᠰᠢᠯᠠᠬᠤ ᠠᠵᠢᠯ ᠤᠨ ᠶᠡᠷᠦᠩᠬᠡᠢ ᠠᠶᠢᠵᠠᠮ ᠢ ᠪᠠᠷᠢᠮᠳᠠᠯᠠᠨ᠂ ᠬᠤᠷᠸ᠎ᠠ ᠲᠤᠬᠢᠷᠠᠭᠤᠯᠭ᠎ᠠ ᠶᠢᠨ ᠲᠦᠷᠦ | ᠶᠢᠨ ᠪᠤᠳᠤᠯᠭ᠎ᠠ ᠨᠢ ᠲᠤᠬᠳᠠᠪᠤᠷᠢᠳᠠᠢ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠨᠢ ᠤᠨᠤᠪᠴᠢᠳᠠᠢ᠂ ᠬᠤᠮᠠᠬᠢ | ᠲᠦᠷᠦ ᠶᠢᠨ ᠪᠤᠳᠤᠯᠭ᠎ᠠ ᠨᠢ ᠠᠮᠢᠳᠤᠯᠢᠭ᠂ ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠨᠢ ᠪᠤᠳᠠᠳᠠᠢ᠂ ᠨᠡᠶᠢᠭᠡᠮ | ᠤᠨ ᠲᠦᠷᠦ ᠶᠢᠨ ᠪᠤᠳᠤᠯᠭ᠎ᠠ ᠨᠢ ᠲᠤᠶᠢᠯᠪᠤᠷᠢᠳᠠᠢ ᠪᠠᠶᠢᠬᠤ ᠶᠡᠷᠦᠩᠬᠡᠢ ᠰᠡᠳᠬᠢᠴᠡ ᠶᠢ ᠨᠠᠶᠢᠳᠠᠪᠤᠷᠢᠵᠢᠭᠤᠯᠤᠨ᠂ ︽ | ᠵᠢᠷᠭᠤᠭᠠᠨ ᠰᠠᠭᠤᠷᠢᠨ ᠭᠠᠵᠠᠷ︾ ᠪᠠ ︽ᠲᠦᠷᠪᠡᠨ ᠵᠠᠭᠤᠨ ᠳ᠋ᠦᠩᠰᠢᠭᠤᠷ︾ ᠤᠨ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠦᠭᠵᠢᠯᠳᠡ ᠶᠢᠨ ᠪᠤᠳᠠᠳᠤ ᠬᠦᠴᠦᠨ ᠢ ᠴᠢᠩᠭᠠᠳᠬᠠᠨ᠂ ᠠᠷᠠᠳ ᠤᠯᠠᠨ | ᠤ ᠪᠤᠶᠠᠨ ᠠᠰᠠᠷᠠᠮᠵᠢ ᠶᠢ ᠨᠡᠮᠡᠭᠳᠡᠭᠦᠯᠵᠦ᠂ ᠰᠡᠳᠬᠢᠯ ᠰᠠᠨᠠᠭ᠎ᠠ ᠪᠠᠨ ᠨᠢᠭᠡᠳᠭᠡᠨ ᠬᠦᠴᠦᠨ ᠴᠢᠳᠠᠯ ᠢᠶᠠᠨ | ᠬᠠᠮᠳᠤᠳᠬᠠᠵᠤ᠂ ᠦᠨᠡᠨ ᠪᠤᠳᠠᠳᠠᠢ ᠠᠵᠢᠯᠯᠠᠨ᠂ ᠬᠦᠴᠢᠷ ᠪᠡᠷᠬᠡᠰᠢᠶᠡᠯ ᠢ ᠲᠡᠪᠴᠢᠵᠦ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠰᠠᠶᠢᠳᠤᠷ ᠡᠬᠢᠯᠡᠭᠦᠯᠬᠦ ᠶᠢ ᠦᠨᠡᠨᠬᠦ ᠪᠠᠳᠤᠯᠠᠨ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠳᠠ ᠶᠢ ᠪᠡᠶᠡᠯᠡᠭᠦᠯᠬᠦ ᠶᠢᠨ ᠲᠤᠰᠠᠳᠠ | ᠴᠢᠷᠮᠠᠶᠢᠨ ᠲᠡᠮᠡᠴᠡᠨ᠎ᠡ ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠭᠤᠤᠯ ᠲᠦᠰᠦᠪᠯᠡᠭᠰᠡᠨ ᠬᠠᠷᠠᠯᠳᠠ ᠪᠤᠯ ᠄ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 74.5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 9.7 | % ᠪᠠᠷ ᠨᠡᠮᠡᠭᠳᠡᠭᠦᠯᠦᠨ᠎ᠡ︔ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 7.5 ᠳ᠋ᠦᠩᠰᠢᠭᠤᠷ | ᠲᠦᠭᠦᠷᠢᠭ ᠪᠡᠶᠡᠯᠡᠭᠦᠯᠦᠨ᠂ 5.9 % ᠪᠠᠷ ᠨᠡᠮᠡᠭᠳᠡᠭᠦᠯᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ | ᠢ 50 ᠳ᠋ᠦᠩᠰᠢᠭᠤᠷ ᠲᠦᠭᠦᠷᠢᠭ ᠪᠡᠶᠡᠯᠡᠭᠦᠯᠦᠨ᠂ 10.7 % ᠪᠠᠷ ᠨᠡᠮᠡᠭᠳᠡᠭᠦᠯᠵᠦ ︵ᠡᠭᠦᠨ ᠳᠤ᠂ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠢ 45 ᠳ᠋ᠦᠩᠰᠢᠭᠤᠷ ᠲᠦᠭᠦᠷᠢᠭ ᠪᠡᠶᠡᠯᠡᠭᠦᠯᠵᠦ᠂ 11.2 % ᠢᠶᠠᠷ | ᠨᠠᠮᠡᠭᠳᠡᠭᠦᠯᠦᠨ᠎ᠡ︶᠂ ᠭᠤᠷᠪᠠᠳᠤᠭᠠᠷ ᠠᠵᠤ ᠦᠢᠯᠡᠰ ᠤᠨ ᠨᠠᠮᠡᠭᠳᠡᠯ ᠦᠷᠳᠡᠭ ᠢ 17 ᠳ᠋ᠦᠩᠰᠢᠭᠤᠷ ᠲᠦᠭᠦᠷᠢᠭ | ᠪᠡᠶᠡᠯᠡᠭᠦᠯᠦᠨ᠂ 9 % ᠪᠠᠷ ᠨᠡᠮᠡᠭᠳᠡᠭᠦᠯᠦᠨ᠎ᠡ︔ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 5.56 ᠳ᠋ᠦᠩᠰᠢᠭᠤᠷ ᠲᠦᠭᠦᠷᠢᠭ ᠲᠤ ᠬᠦᠷᠭᠡᠵᠦ᠂ 11 % ᠪᠠᠷ ᠨᠡᠮᠡᠭᠳᠡᠭᠦᠯᠦᠨ᠂ ᠪᠦᠬᠦ ᠨᠡᠶᠢᠭᠡᠮ | ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 56.6 ᠳ᠋ᠦᠩᠰᠢᠭᠤᠷ ᠲᠦᠭᠦᠷᠢᠭ ᠲᠤ ᠬᠦᠷᠭᠡᠨ᠂ 8.3 | % ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠢ 14. | 1 ᠳ᠋ᠦᠩᠰᠢᠭᠤᠷ ᠲᠦᠭᠦᠷᠢᠭ ᠲᠤ ᠬᠦᠷᠭᠡᠵᠦ᠂ 11 % ᠪᠠᠷ ᠨᠡᠮᠡᠭᠳᠡᠭᠦᠯᠦᠨ᠂ ᠬᠤᠳᠠ ᠬᠦᠳᠡᠭᠡ ᠶᠢᠨ ᠪᠠᠶᠢᠩᠭᠤ | ᠰᠠᠭᠤᠭ᠎ᠠ ᠬᠦᠮᠦᠨ ᠠᠮᠠ ᠶᠢᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢ ᠲᠤᠰ ᠲᠤᠰ | 32630 ᠲᠦᠭᠦᠷᠢᠭ ᠪᠠ 14870 ᠲᠦᠭᠦᠷᠢᠭ ᠲᠤ ᠬᠦᠷᠭᠡᠨ᠂ ᠲᠤᠰᠪᠤᠷᠢ 9 % ᠪᠠᠷ ᠨᠡᠮᠡᠭᠳᠡᠭᠦᠯᠤᠨ᠎ᠡ ᠃ | ᠲᠡᠭᠡᠷᠡᠬᠢ ᠬᠠᠷᠠᠯᠳᠠ ᠡᠭᠦᠷᠭᠡ ᠶᠢ ᠢᠯᠭᠤᠮ ᠪᠡᠶᠡᠯᠡᠭᠦᠯᠬᠦ ᠶᠢᠨ ᠲᠤᠰᠠᠳᠠ ᠡᠨᠡ ᠵᠢᠯ ᠲᠤᠤᠷᠠᠬᠢ ᠬᠡᠳᠦᠨ ᠲᠦᠷᠦᠯ ᠤᠨ | ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ | ︵ ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠵᠤ᠂ | ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠡ | ᠦᠢᠯᠡᠳᠪᠦᠷᠢᠯᠡᠯ ᠤᠨ ᠬᠡᠯᠪᠡᠷᠢ ᠮᠠᠶ᠋ᠢᠭ ᠢᠶᠠᠨ ᠬᠤᠪᠢᠷᠠᠭᠤᠯᠵᠤ᠂ ᠤᠷᠤᠨ ᠲᠤᠭᠤᠷᠢᠭ ᠤᠨ ᠪᠠᠶᠢᠷᠢᠰᠢᠯ ᠢ | ᠰᠢᠯᠢᠳᠡᠭᠵᠢᠭᠦᠯᠦᠨ᠂ ᠬᠤᠨᠢᠨ ᠤ ᠲᠤᠭ᠎ᠠ ᠶᠢ ᠴᠦᠬᠡᠳᠬᠡᠨ ᠦᠬᠡᠷ ᠢ ᠨᠡᠮᠡᠭᠳᠡᠭᠦᠯᠵᠦ᠂ ᠴᠦᠭᠡᠨ ᠲᠡᠵᠢᠭᠡᠵᠦ ᠨᠠᠷᠢᠯᠢᠭ | ᠠᠷᠠᠴᠢᠯᠠᠨ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠲᠦᠷᠭᠡᠳᠭᠡᠵᠦ᠂ ᠮᠠᠯ | ᠲᠠᠷᠢᠶᠠᠯᠠᠩ ᠤᠨ ᠰᠠᠭᠤᠷᠢ ᠪᠤᠯᠬᠤ ᠪᠠᠶᠢᠷᠢ ᠰᠠᠭᠤᠷᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃ ᠲᠠᠷᠢᠶᠠᠯᠠᠩ | ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠶᠢ | ᠦᠷᠭᠦᠯᠵᠢᠯᠡᠨ ᠨᠡᠮᠡᠭᠳᠡᠭᠦᠯᠦᠨ᠎ᠡ᠃ ᠮᠠᠯ ᠠᠵᠤ ᠠᠬᠤᠢ ᠶᠢ ᠵᠢᠯᠤᠭᠤᠳᠤᠨ ᠡᠷᠴᠢᠮᠵᠢᠭᠰᠡᠨ ᠂ ᠦᠨᠳᠦᠷ ᠦᠷ᠎ᠡ ᠠᠰᠢᠭ | ᠲᠠᠢ᠂ ᠦᠨᠳᠦᠷ ᠦᠷ᠎ᠡ ᠪᠦᠳᠦᠮᠵᠢ ᠲᠠᠢ ᠠᠵᠤ ᠦᠢᠯᠡᠰ ᠤᠨ ᠬᠡᠯᠪᠡᠷᠢ ᠲᠡᠰᠢ ᠬᠤᠪᠢᠷᠠᠭᠤᠯᠤᠨ᠂ ᠮᠠᠯᠵᠢᠬᠤ ᠤᠷᠤᠨ | ᠤ ᠠᠵᠤ ᠠᠬᠤᠢ ᠶᠢᠨ ᠬᠦᠭᠵᠢᠯᠳᠡ ᠶᠢ ᠰᠢᠨ᠎ᠡ ᠴᠠᠭ ᠦᠶ᠎ᠡ ᠶᠢᠨ ᠲᠠᠯ᠎ᠠ ᠨᠤᠳᠤᠭ ᠤᠨ ᠪᠤᠯᠪᠠᠰᠤᠨ ᠤ | ᠪᠠᠶᠢᠭᠤᠯᠤᠯᠳᠠ ᠶᠢᠨ ᠱᠠᠭᠠᠷᠳᠠᠯᠭ᠎ᠠ ᠲᠠᠢ ᠨᠡᠩ ᠵᠤᠬᠢᠴᠠᠭᠤᠯᠵᠤ᠂ ᠡᠨᠡ ᠵᠢᠯ 6.28 ᠲᠦᠮᠡᠨ ᠲᠡᠭᠰᠢ ᠲᠦᠷᠪᠡᠯᠵᠢᠨ | ᠮᠧᠲᠷ ᠲᠠᠯᠠᠪᠠᠢ ᠲᠠᠢ ᠪᠠᠷᠢᠮᠵᠢᠶᠠᠵᠢᠬᠰᠠᠨ ᠲᠤᠯᠠᠭᠠᠨ ᠫᠧᠩ᠂ 5.18 ᠲᠦᠮᠡᠨ ᠲᠡᠭᠰᠢ ᠲᠦᠷᠪᠡᠯᠵᠢᠨ ᠮᠧᠲᠷ | ᠲᠠᠯᠠᠪᠠᠢ ᠲᠠᠢ ᠮᠠᠯ ᠤᠨ ᠬᠤᠷᠤᠭ᠎ᠠ᠂ 0.5 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠡᠪᠡᠰᠦ | ᠬᠠᠳᠠᠭᠠᠯᠠᠬᠤ ᠫᠧᠩ ᠂ 1 ᠲᠦᠮᠡᠨ ᠪᠤᠰᠤᠭ᠎ᠠ ᠲᠦᠷᠪᠡᠯᠵᠢᠨ ᠮᠧᠲᠷ ᠲᠠᠯᠠᠪᠠᠢ ᠲᠠᠢ ᠨᠤᠭᠤᠭᠠᠨ ᠲᠠᠷᠤᠰᠢ ᠶᠢᠨ | ᠵᠤᠭᠤᠷᠢ᠂ 1 ᠲᠦᠮᠡᠨ ᠮᠤ᠋ ᠶᠢᠨ ᠬᠦᠮᠦᠨ ᠤ ᠬᠦᠴᠦ ᠪᠠᠷ ᠡᠪᠡᠰᠦ ᠪᠤᠷᠳᠤᠭ᠎ᠠ ᠲᠠᠷᠢᠬᠤ ᠰᠠᠭᠤᠷᠢᠨ ᠭᠠᠵᠠᠷ ᠪᠤᠯᠤᠨ | 6000 ᠲᠤᠨ ᠤ ᠡᠪᠡᠰᠦ ᠪᠤᠷᠳᠤᠭ᠎ᠠ ᠬᠠᠳᠠᠭᠠᠯᠠᠬᠤ ᠬᠦᠮᠦᠷᠭᠡ 1 ᠰᠠᠭᠤᠷᠢ ᠶᠢ ᠲᠤᠰ ᠲᠤᠰ ᠰᠢᠨ᠎ᠡ ᠪᠠᠷ | ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢ ᠲᠦᠬᠦᠬᠡᠷᠦᠮᠵᠢ ᠶᠢ ᠤᠯᠠᠨ ᠨᠢᠭᠡ | ᠠᠯᠬᠤᠮ ᠲᠡᠭᠦᠯᠳᠡᠷᠵᠢᠭᠦᠯᠦᠨ᠎ᠡ᠃ ᠢᠳᠡᠰᠢᠨ ᠨᠤᠭᠤᠭᠠᠨ ᠤ ᠲᠤᠮᠤ ᠰᠠᠷᠠᠪᠴᠢ᠂ ᠲᠤᠯᠠᠭᠠᠨ ᠬᠦᠯᠡᠮᠵᠢ ᠶᠢᠨ ᠢᠳᠡᠰᠢᠨ | ᠨᠤᠭᠤᠭᠠᠨ ᠤ ᠰᠠᠭᠤᠷᠢᠨ ᠭᠠᠵᠠᠷ ᠪᠤᠯᠤᠨ ᠲᠤᠯᠠᠭᠠᠨ ᠢ ᠲᠡᠩᠴᠡᠬᠦᠯᠦᠭᠰᠡᠨ ᠰᠢᠨ᠎ᠡ ᠰᠤᠷᠭᠤᠭ ᠢ ᠪᠠᠳᠤᠯᠠᠬᠤ | ᠬᠦᠮᠦᠷᠭᠡ ᠶᠢᠨ ᠪᠦᠳᠦᠭᠡᠨ ᠪᠠᠶᠢᠭᠤᠯᠤᠯᠳᠠ ᠶᠢ ᠲᠡᠮᠵᠢᠬᠦ ᠬᠦᠴᠦᠯᠡᠴᠡ ᠶᠢ ᠨᠡᠮᠡᠭᠳᠡᠭᠦᠯᠦᠨ᠂ ᠲᠠᠷᠢᠮᠠᠯ ᠤᠨ ᠦᠷ᠎ᠡ | ᠠᠰᠢᠭ ᠢ ᠲᠠᠰᠤᠷᠠᠯᠳᠠ ᠦᠭᠡᠢ ᠲᠡᠭᠡᠭᠰᠢᠯᠡᠭᠦᠯᠤᠨ᠎ᠡ᠃ ᠴᠠᠭ ᠠᠭᠤᠷ ᠤᠨ ᠤᠳᠤᠬᠢᠴᠢᠯᠠᠬᠰᠠᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠵᠦ ᠲᠦᠭᠰᠢᠭᠦᠷᠢ ᠶᠢ ᠳᠣᠯᠬᠤ ᠴᠢᠳᠠᠪᠤᠷᠢ | ᠶᠢ ᠨᠡᠮᠡᠭᠳᠡᠭᠦᠯᠵᠦ᠂ ᠠᠮᠢᠳᠠᠨ ᠤ ᠬᠢᠵᠢᠭ ᠭᠡᠮ ᠪᠠ ᠬᠦᠮᠦᠨ ᠮᠠᠯ ᠳᠤ ᠵᠡᠷᠭᠡᠪᠡᠷ ᠡᠪᠡᠳᠴᠢᠨ ᠲᠤᠰᠬᠤ ᠶᠢ ᠰᠡᠷᠬᠡᠶᠢᠯᠡᠨ | ᠵᠠᠰᠠᠬᠤ ᠠᠵᠢᠯ ᠢ ᠰᠠᠶᠢᠳᠤᠷ ᠬᠢᠨ᠎ᠠ᠃ ᠮᠠᠯ ᠲᠠᠷᠢᠶᠠᠯᠠᠩ ᠤᠨ ᠠᠵᠤ ᠦᠢᠯᠡᠰᠵᠢᠯᠳᠠ ᠶᠢᠨ ᠬᠦᠭᠵᠢᠨ ᠪᠤᠵᠠᠭᠠᠶᠢᠷᠠᠬᠤ | ᠶᠢ ᠲᠡᠮᠵᠢᠨ᠎ᠡ᠃ ᠮᠢᠬᠠᠨ ᠤ ᠦᠭᠡᠷ ᠢ ᠬᠦᠭᠵᠢᠭᠦᠯᠬᠦ ᠲᠦᠯᠦᠪᠵᠢᠭᠦᠯᠭᠡ ᠶᠢ ᠲᠤᠬᠳᠠᠭᠠᠨ ᠬᠡᠷᠡᠭᠵᠢᠭᠦᠯᠵᠦ᠂ ᠤᠯᠤᠰ | ᠤᠨ ᠲᠡᠰ ᠤᠨ ᠴᠢᠨᠠᠷ ᠰᠠᠶᠢᠳᠠᠢ ᠠᠯᠠᠰᠢᠨ ᠦᠬᠡᠷ ᠠᠯᠠᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ 2000 ᠲᠤᠯᠤᠭᠠᠢ ᠴᠡᠪᠡᠷ ᠡᠭᠦᠯᠳᠡᠷ | ᠤᠨ ᠰᠢᠮᠧᠨ᠋ᠲᠷ ᠦᠬᠡᠷ ᠤᠷᠤᠭᠤᠯᠵᠤ᠂ ᠰᠢᠮᠧᠨ᠋ᠲᠷ ᠦᠬᠡᠷ ᠤᠨ ᠭᠤᠤᠯᠳᠠᠯᠭ᠎ᠠ ᠲᠠᠢ ᠡᠭᠦᠯᠳᠡᠷ ᠪᠤᠶᠢᠵᠢᠭᠤᠯᠬᠤ ᠲᠠᠯᠠᠪᠠᠢ | ᠶᠢ 3 ᠰᠠᠭᠤᠷᠢ᠂ ᠤᠳᠤᠬᠢᠴᠢᠯᠠᠬᠰᠠᠨ ᠠᠯᠠᠰᠢᠨ ᠦᠭᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 83 | ᠰᠠᠭᠤᠷᠢ ᠲᠤᠰ ᠲᠤᠰ ᠰᠢᠨ᠎ᠡ ᠪᠠᠷ ᠪᠠᠶᠢᠭᠤᠯᠵᠤ᠂ 3 ᠰᠠᠭᠤᠷᠢ ᠨᠢ ᠲᠤᠰ ᠲᠤᠰ ᠰᠢᠨ᠎ᠡ ᠪᠠᠷ ᠰᠠᠭᠠᠯᠢ ᠶᠢᠨ ᠦᠨᠢᠶᠡᠨ | ᠤ ᠪᠠᠷᠢᠮᠵᠢᠶᠠᠵᠢᠵᠦ ᠬᠡᠪᠴᠢᠶᠡᠵᠢᠭᠰᠡᠨ ᠠᠷᠠᠴᠢᠯᠠᠨ ᠮᠠᠯᠵᠢᠬᠤ ᠲᠠᠯᠠᠪᠠᠢ ᠶᠢ ᠦᠷᠭᠡᠳᠭᠡᠨ ᠪᠠᠶᠢᠭᠤᠯᠵᠤ᠂ ᠤᠯᠤᠰ ᠤᠨ | ᠲᠡᠰ ᠤᠨ ᠴᠠᠬᠠᠷ ᠬᠤᠨᠢᠨ ᠤ ᠭᠤᠤᠯᠳᠠᠯᠭᠠᠳᠤ ᠡᠭᠦᠯᠳᠡᠷ ᠪᠤᠶᠢᠵᠢᠭᠤᠯᠬᠤ ᠲᠠᠯᠠᠪᠠᠢ ᠶᠢ 2 ᠰᠠᠭᠤᠷᠢ ᠪᠠᠶᠢᠭᠤᠯᠤᠨ᠂ | ᠴᠠᠬᠠᠷ ᠬᠤᠨᠢᠨ ᠤ ᠭᠤᠤᠯᠳᠠᠯᠭᠠᠳᠤ ᠰᠦᠷᠦᠭ ᠢ 5 ᠶᠢ ᠰᠢᠨ᠎ᠡ ᠪᠠᠷ ᠭᠠᠷᠭᠠᠵᠤ᠂ ᠬᠡᠪᠴᠢᠶᠡᠵᠢᠭᠰᠡᠨ ᠠᠷᠠᠴᠢᠯᠠᠨ | ᠮᠠᠯᠵᠢᠬᠤ ᠬᠢᠷᠢ ᠲᠦᠪᠰᠢᠨ ᠢ 85% ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ︽ᠲᠠᠷᠢᠶᠠᠨ ᠭᠠᠵᠠᠷ ᠢ | ᠬᠠᠮᠠᠭᠠᠯᠠᠬᠤ᠂ ᠲᠠᠷᠢᠶᠠᠨ ᠭᠠᠵᠠᠷ ᠤᠨ ᠶᠠᠰᠤ ᠴᠢᠨᠠᠷ ᠪᠠ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢ ᠲᠡᠭᠡᠭᠰᠢᠯᠡᠭᠦᠯᠬᠦ | ᠵᠡᠷᠭᠡ ᠠᠷᠭ᠎ᠠ ᠠᠪᠴᠢᠯ ᠢᠶᠠᠷ ᠲᠠᠮᠵᠢᠭᠤᠯᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ | ᠶᠢ ᠲᠡᠭᠡᠭᠰᠢᠯᠡᠭᠦᠯᠬᠦ ︾ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠵᠤ᠂ ᠲᠠᠷᠢᠶᠠᠨ ᠭᠠᠵᠠᠷ ᠤᠨ ᠶᠠᠰᠤ ᠴᠢᠨᠠᠷ | ᠤᠨ ᠬᠠᠮᠠᠭᠠᠯᠠᠯᠳᠠ ᠪᠠ ᠲᠡᠰ ᠲᠡᠪᠰᠢᠭᠦᠯᠬᠦ ᠢᠨᠵᠧᠨᠧᠷᠢᠩ ᠢ ᠬᠡᠷᠡᠭᠵᠢᠭᠦᠯᠤᠨ᠂ ᠲᠠᠷᠢᠮᠠᠯ ᠤᠨ ᠲᠠᠷᠢᠬᠤ ᠲᠠᠯᠠᠪᠠᠢ ᠶᠢ | ᠲᠤᠬᠳᠠᠪᠤᠷᠢᠵᠢᠭᠤᠯᠤᠬᠰᠠᠨ ᠤ ᠰᠠᠭᠤᠷᠢᠨ ᠲᠡᠭᠡᠷ᠎ᠡ ᠲᠦᠬᠦᠭᠡᠷᠦᠮᠵᠢᠳᠦ ᠲᠠᠷᠢᠶᠠᠯᠠᠩ ᠤᠨ ᠬᠠᠷᠢᠴᠠᠯ ᠢ ᠦᠷᠭᠦᠯᠵᠢᠯᠡᠨ | ᠲᠡᠭᠡᠭᠰᠢᠯᠡᠭᠦᠯᠵᠦ᠂ ᠪᠦᠬᠦ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠢ ᠶᠢ 21017 ᠾᠧᠺᠲ᠋ᠡᠷ ᠪᠠ | ᠲᠦᠯᠦᠪᠵᠢᠭᠦᠯᠦᠭᠰᠡᠨ ᠦᠨᠳᠦᠰᠦᠨ ᠲᠠᠷᠢᠶᠠᠨ ᠤ ᠬᠠᠮᠠᠭᠠᠯᠠᠯᠳᠠ ᠶᠢᠨ ᠲᠠᠯᠠᠪᠠᠢ ᠶᠢ 17338 ᠾᠧᠺᠲ᠋ᠡᠷ ᠠᠴᠠ | ᠪᠠᠭᠤᠷᠠᠭᠤᠯᠬᠤ ᠦᠭᠡᠢ ᠪᠠᠶᠢᠬᠤ ᠪᠠ ᠶᠠᠰᠤ ᠴᠢᠨᠠᠷ ᠢ ᠮᠠᠭᠤᠳᠠᠭᠤᠯᠬᠤ ᠦᠭᠡᠢ ᠪᠠᠶᠢᠬᠤ ᠶᠢ ᠪᠠᠳᠤᠯᠠᠨ᠎ᠠ᠃ ᠲᠠᠷᠢᠵᠤ | ᠲᠡᠵᠢᠭᠡᠨ ᠦᠷᠡᠵᠢᠭᠦᠯᠬᠦ ᠬᠡᠯᠪᠡᠷᠢ ᠮᠠᠶ᠋ᠢᠭ ᠢ ᠢᠳᠡᠪᠬᠢᠳᠠᠢ ᠰᠢᠨᠡᠴᠢᠯᠡᠨ ᠰᠠᠶᠢᠵᠢᠷᠠᠭᠤᠯᠤᠨ᠎ᠠ᠃ ᠮᠠᠯᠴᠢᠨ ᠲᠠᠷᠢᠶᠠᠴᠢᠳ ᠢ | ᠵᠢᠯᠤᠭᠤᠳᠤᠨ ︽ ᠪᠦᠬᠦ ᠵᠢᠯ ᠳᠤ ᠵᠠᠷᠤᠴᠠᠭᠤᠯᠬᠤ᠂ ᠲᠡᠩᠴᠡᠭᠦᠷᠢᠳᠠᠢ ᠪᠠᠷ ᠵᠠᠬ᠎ᠠ ᠳᠤ ᠭᠠᠷᠭᠠᠬᠤ︾ ᠬᠡᠯᠪᠡᠷᠢ ᠮᠠᠶ᠋ᠢᠭ | ᠢ ᠰᠦᠪᠡᠭᠴᠢᠯᠡᠨ᠂ ᠵᠢᠯ ᠤᠨ ᠲᠤᠳᠤᠷ᠎ᠠ 55 ᠲᠦᠮᠡᠨ ᠲᠤᠯᠤᠭᠠᠢ ᠤᠷᠴᠢᠮ ᠮᠠᠯ ᠢ ᠵᠠᠷᠤᠴᠠᠭᠤᠯᠬᠤ ᠪᠠᠷ ᠲᠦᠯᠦᠪᠯᠡᠵᠦ | ᠂ ᠡᠭᠦᠨ ᠳᠤ 9 ᠲᠦᠮᠡᠨ ᠲᠤᠯᠤᠭᠠᠢ ᠮᠠᠯ ᠢ ᠪᠤᠷᠳᠤᠨ ᠲᠠᠷᠭᠤᠯᠠᠭᠤᠯᠵᠤ ᠵᠠᠷᠤᠴᠠᠭᠤᠯᠤᠨ᠎ᠠ᠃ ︽ᠲᠠᠷᠢᠵᠤ ᠲᠡᠵᠢᠭᠡᠬᠦ | ᠶᠢ ᠤᠶᠠᠯᠳᠤᠭᠤᠯᠬᠤ᠂ ᠠᠷᠠᠴᠢᠯᠠᠨ ᠮᠠᠯᠵᠢᠬᠤ ᠪᠠᠷ ᠭᠤᠤᠯ ᠪᠤᠯᠭᠠᠬᠤ᠂ ᠤᠯᠠᠨ ᠵᠦᠢᠯ ᠤᠨ ᠡᠵᠡᠩᠨᠡᠯᠳᠡ︾ ᠶᠢᠨ | ᠰᠡᠳᠬᠢᠴᠡ ᠶᠤᠰᠤᠭᠠᠷ ᠲᠠᠷᠢᠶᠠᠯᠠᠬᠤ ᠤᠷᠤᠨ ᠤ ᠮᠠᠯ ᠠᠵᠤ ᠠᠬᠤᠢ ᠶᠢ ᠬᠦᠭᠵᠢᠭᠦᠯᠤᠨ᠂ ᠬᠠᠰᠢᠶᠠᠯᠠᠨ ᠪᠤᠷᠳᠤᠨ | ᠲᠠᠷᠭᠤᠯᠠᠭᠤᠯᠵᠤ᠂ ︽ ᠪᠤᠭ ᠮᠠᠯ ᠢ ᠪᠦᠬᠦ ᠵᠢᠯ ᠢᠶᠠᠷ ᠪᠡᠯᠴᠢᠭᠡᠷᠯᠡᠭᠦᠯᠬᠦ ᠶᠢ ᠵᠤᠬᠰᠤᠭᠠᠬᠤ︾ ᠶᠢ ᠪᠦᠬᠦ ᠲᠠᠯ᠎ᠠ ᠪᠠᠷ | ᠬᠡᠷᠡᠭᠵᠢᠭᠦᠯᠦᠨ᠎ᠡ ︔ ᠲᠠᠷᠢᠶᠠᠯᠠᠬᠤ ᠤᠷᠤᠨ ᠤ ᠤᠨᠴᠠᠯᠢᠬᠳᠤ ᠲᠠᠷᠢᠵᠤ ᠤᠷᠭᠤᠭᠤᠯᠬᠤ ᠦᠢᠯᠡᠰ ᠢ ᠬᠦᠭᠵᠢᠭᠦᠯᠬᠦ ᠶᠢ | ᠵᠤᠷᠢᠬᠵᠢᠭᠤᠯᠤᠨ᠂ ᠲᠦᠬᠦᠭᠡᠷᠤᠮᠵᠢᠳᠤ ᠵᠢᠮᠢᠰ ᠪᠤᠯᠤᠨ ᠢᠳᠡᠰᠢᠨ ᠨᠤᠭᠤᠭ᠎ᠠ ᠲᠠᠷᠢᠵᠤ ᠤᠷᠭᠤᠭᠤᠯᠵᠤ ᠪᠠᠶᠢᠭ᠎ᠠ | ᠲᠠᠷᠢᠶᠠᠯᠠᠬᠤ ᠡᠷᠦᠬᠡ ᠶᠢ ᠡᠩ ᠲᠡᠷᠢᠭᠦᠨ ᠳᠤ ᠲᠡᠮᠵᠢᠬᠦ ᠠᠵᠢᠯᠯᠠᠭ᠎ᠠ ᠶᠢ ᠦᠷᠨᠢᠭᠦᠯᠵᠤ᠂ ᠲᠠᠷᠢᠶᠠᠯᠠᠩ ᠮᠠᠯ ᠠᠵᠤ | ᠠᠬᠤᠢ ᠪᠤᠯᠤᠨ ᠠᠵᠤ ᠦᠢᠯᠡᠳᠪᠦᠷᠢ ᠶᠢᠨ ᠬᠦᠨᠵᠡᠭᠡᠢ ᠵᠤᠬᠢᠴᠠᠯᠳᠤᠭ᠎ᠠ ᠶᠢ ᠠᠬᠢᠭᠤᠯᠤᠨ᠂ ᠮᠠᠯ ᠲᠠᠷᠢᠶᠠᠯᠠᠩ ᠤᠨ | ᠪᠦᠳᠦᠭᠡᠭᠳᠡᠭᠦᠨ ᠢ ᠡᠳ᠋ᠰᠢᠭᠦᠯᠬᠦ ᠠᠵᠢᠯ ᠲᠦᠷᠦᠯ ᠤᠨ ᠲᠤᠯᠤᠭᠠᠶᠢᠯᠠᠬᠴᠢ ᠠᠵᠤ ᠠᠬᠤᠶᠢᠯᠠᠯ ᠢ ᠲᠡᠮᠵᠢᠬᠦ ᠬᠦᠴᠦᠯᠡᠴᠡ | ᠶᠢ ᠨᠡᠮᠡᠭᠳᠡᠭᠦᠯᠤᠨ᠂ ᠠᠵᠤ ᠦᠢᠯᠡᠳᠪᠦᠷᠢ ᠶᠢᠨ ᠮᠠᠯ ᠲᠠᠷᠢᠶᠠᠯᠠᠩ ᠢ ᠲᠤᠰᠠᠯᠠᠬᠤ ᠴᠢᠳᠠᠪᠤᠷᠢ ᠢ ᠨᠢ ᠴᠢᠩᠭᠠᠳᠬᠠᠨ᠎ᠠ︔ | ᠮᠠᠯ ᠲᠠᠷᠢᠶᠠᠯᠠᠩ ᠪᠠ ᠦᠢᠯᠡᠴᠢᠯᠡᠭᠡᠨ ᠤ ᠦᠢᠯᠡᠰ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠵᠢᠭᠤᠯᠴᠢᠯᠠᠯ | ᠤᠨ ᠦᠢᠯᠡᠰ᠂ ᠡᠯᠧᠺᠲᠷᠤᠨ ᠬᠤᠳᠠᠯᠳᠤᠭᠠᠨ ᠤ ᠦᠢᠯᠡᠰ ᠵᠡᠷᠬᠡ ᠠᠷᠭ᠎ᠠ ᠵᠠᠮ ᠢᠶᠠᠷ ᠲᠠᠮᠵᠢᠭᠤᠯᠤᠨ ᠮᠠᠯ ᠲᠠᠷᠢᠶᠠᠯᠠᠩ | ᠤᠨ ᠤᠤᠯ ᠪᠦᠳᠦᠭᠡᠭᠳᠡᠬᠦᠨ ᠢ ᠤᠶᠢᠷ᠎ᠠ ᠵᠠᠭᠤᠷ᠎ᠠ ᠳᠤᠨᠢ ᠬᠡᠷᠡᠭᠯᠡᠭᠡᠨ ᠤ ᠬᠦᠷᠢᠶᠡᠨ ᠳᠤ ᠤᠷᠤᠭᠤᠯᠵᠤ᠂ ᠡᠭᠦᠨ ᠤ | ᠤᠯᠠᠮ ᠢᠶᠠᠷ ᠠᠵᠢᠯ ᠤᠯᠭᠤᠯᠳᠠ ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢ ᠰᠢᠭᠤᠳ | ᠲᠠᠶᠢᠴᠢᠯᠠᠨ᠎ᠠ᠃ ᠶᠠᠳᠠᠭᠤ ᠶᠢ ᠲᠡᠳᠬᠦᠬᠦ ᠰᠢᠪᠳᠤᠯᠤᠯᠳᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠰᠠᠶᠢᠳᠤᠷ | ᠠᠳᠬᠤᠨ᠎ᠠ᠃ ︽ ᠵᠢᠷᠭᠤᠭᠠᠨ ᠨᠠᠷᠢᠯᠢᠭ ᠤᠨᠤᠪᠴᠢᠳᠠᠢ︾᠂ ︽ ᠲᠠᠪᠤᠨ ᠨᠢᠭᠡ ᠪᠦᠯᠦᠭ︾ ᠤᠨ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠶᠠᠳᠠᠭᠤ ᠶᠢ ᠲᠡᠳᠬᠦᠬᠦ ᠨᠢᠭᠤᠷᠯᠠᠯ ᠳᠤ ᠬᠦᠳᠡᠯᠤᠩᠭᠦᠢ ᠬᠠᠮᠢᠶᠠᠷᠤᠯᠳᠠ ᠶᠢ | ᠭᠡᠷᠡᠭᠵᠢᠭᠦᠯᠦᠨ᠂ ᠳᠣᠰᠬᠠᠢ ᠲᠦᠷᠦᠯ ᠢᠶᠠᠷ ᠶᠠᠳᠠᠭᠤ ᠶᠢ ᠲᠡᠳᠬᠦᠬᠦ᠂ ᠠᠵᠢᠯ ᠲᠦᠷᠦᠯ ᠢᠶᠠᠷ ᠶᠠᠳᠠᠭᠤ ᠶᠢ ᠲᠡᠳᠬᠦᠬᠦ | ᠪᠠ ᠨᠠᠶᠢᠭᠡᠮ ᠠᠴᠠ ᠶᠠᠳᠠᠭᠤ ᠶᠢ ᠲᠡᠳᠬᠦᠬᠦ ᠶᠢ ᠨᠢᠭᠡᠳᠣᠯᠳᠠᠢ ᠲᠦᠯᠦᠪᠵᠢᠭᠦᠯᠦᠨ ᠠᠬᠢᠭᠤᠯᠵᠤ᠂ 21 ᠭᠠᠴᠠᠭ᠎ᠠ | ᠲᠤᠰᠬᠤᠨ ᠤ ︽ᠭᠤᠷᠪᠠ ᠶᠢ ᠭᠠᠴᠠᠭ᠎ᠠ ᠲᠤᠰᠬᠤᠨ ᠪᠠ ᠡᠷᠦᠬᠡ ᠳᠤ ᠨᠠᠶᠢᠳᠠᠪᠤᠷᠢᠵᠢᠭᠤᠯᠬᠤ︾ ᠲᠦᠰᠦᠯ ᠢ ᠰᠠᠶᠢᠳᠤᠷ | ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠡ ᠵᠢᠯ ᠶᠠᠳᠠᠭᠤ ᠬᠦᠴᠢᠷᠳᠠᠢ ᠡᠷᠦᠬᠡ ᠳᠤ 146 ᠰᠠᠭᠤᠷᠢ ᠫᠧᠩ | ᠬᠤᠷᠤᠭ᠎ᠠ ᠶᠢ ᠰᠢᠨ᠎ᠡ ᠪᠠᠷ ᠪᠠᠶᠢᠭᠤᠯᠤᠨ ᠦᠭᠴᠦ᠂ 725 ᠲᠤᠯᠤᠭᠠᠢ ᠦᠬᠡᠷ ᠬᠤᠳᠠᠯᠳᠤᠨ ᠤᠷᠤᠭᠤᠯᠬᠤ ᠪᠠᠷ | ᠲᠦᠯᠦᠪᠯᠡᠵᠦ ᠪᠤᠢ︔ ᠲᠠᠷᠢᠶᠠᠯᠠᠩ ᠤᠨ ᠪᠠᠩᠬᠢ ᠯᠤᠭ᠎ᠠ ᠶᠢᠨ ᠬᠠᠮᠳᠤᠷᠠᠯᠴᠠᠭ᠎ᠠ ᠪᠠᠨ ᠬᠦᠨᠵᠡᠭᠡᠶᠢᠷᠡᠭᠦᠯᠦᠨ᠂ 5000 | ᠲᠦᠮᠡᠨ ᠲᠦᠭᠦᠷᠢᠭ ᠤᠨ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ | ᠢᠨᠵᠧᠨᠧᠷᠢᠩ ᠤᠨ ᠵᠢᠭᠡᠯᠡᠯᠭᠡ ᠲᠠᠯᠪᠢᠬᠤ ᠪᠠᠷ ᠴᠢᠷᠮᠠᠶᠢᠵᠤ᠂ ᠦᠢᠯᠳᠪᠦᠷᠢᠯᠡᠯ ᠡᠵᠡᠩᠨᠡᠯᠳᠡ ᠶᠢᠨ ᠴᠢᠳᠠᠪᠤᠷᠢᠳᠠᠢ | ᠶᠠᠳᠠᠭᠤ ᠬᠦᠴᠢᠷᠳᠠᠢ ᠮᠠᠯᠵᠢᠬᠤ ᠲᠠᠷᠢᠶᠠᠯᠠᠬᠤ ᠡᠷᠦᠬᠡ ᠶᠢ ᠲᠡᠮᠵᠢᠬᠦ ᠳᠤ ᠭᠤᠤᠯᠳᠠᠯᠭ᠎ᠠ ᠲᠠᠢ ᠵᠠᠷᠤᠴᠠᠭᠤᠯᠤᠨ᠂ ᠲᠤᠰ | ᠵᠢᠯ ᠳᠤ ᠵᠢᠭᠡᠯᠡᠯᠭᠡ ᠠᠪᠬᠤ ᠨᠦᠬᠦᠴᠡᠯ ᠳᠤ ᠲᠤᠬᠢᠷᠠᠬᠰᠠᠨ ᠭᠠᠴᠠᠭ᠎ᠠ ᠲᠤᠰᠬᠤᠨ ᠳᠤ ᠴᠦᠮ ᠵᠢᠭᠡᠯᠡᠯᠭᠡ ᠤᠯᠭᠤᠬᠤ | ᠪᠠᠷ ᠴᠢᠷᠮᠠᠶᠢᠨ᠎ᠠ᠃ ᠭᠤᠷᠪᠠ ᠳᠤ᠂ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ ᠦᠷᠨᠢᠬᠦᠯᠦᠨ 300 ᠬᠦᠮᠦᠨ | ᠤᠳᠠᠭ᠎ᠠ ᠠᠴᠠ ᠲᠡᠭᠡᠭᠰᠢ ᠳᠤ ᠪᠤᠯᠪᠠᠰᠤᠷᠠᠯ ᠬᠦᠷᠳᠡᠭᠡᠨ᠎ᠡ᠃ ᠠᠵᠢᠯ ᠤᠯᠭᠤᠯᠳᠠ᠂ ᠰᠤᠷᠭᠠᠨ ᠬᠦᠮᠦᠵᠢᠯ᠂ | ᠵᠢᠭᠤᠯᠴᠢᠯᠠᠯ᠂ ᠡᠯᠺᠧᠲᠷᠤᠨ ᠬᠤᠳᠠᠯᠳᠤᠭ᠎ᠠ ᠵᠡᠷᠭᠡ ᠠᠵᠢᠯ ᠲᠦᠷᠦᠯ ᠤᠨ ᠶᠠᠳᠠᠭᠤ ᠶᠢ ᠲᠡᠳᠬᠦᠬᠦ ᠶᠢ ᠠᠬᠢᠭᠤᠯᠤᠨ᠂ | ᠬᠦᠳᠡᠯᠮᠦᠷᠢᠯᠡᠬᠦ ᠴᠢᠳᠠᠪᠤᠷᠢ ᠪᠠᠨ ᠪᠦᠬᠦᠨ ᠢ ᠪᠤᠶᠤ ᠬᠠᠭᠠᠰ ᠲᠤᠳᠠᠭᠤ ᠠᠯᠳᠠᠬᠰᠠᠨ ᠶᠠᠳᠠᠭᠤ ᠬᠦᠴᠢᠷᠳᠠᠢ ᠬᠦᠮᠦᠰ ᠢ | ᠨᠡᠶᠢᠭᠡᠮ ᠤᠨ ᠪᠠᠳᠤᠯᠠᠭ᠎ᠠ ᠪᠠᠷ ᠶᠠᠳᠠᠭᠤ ᠠᠴᠠ ᠨᠢ ᠲᠤᠶᠢᠯᠪᠤᠷᠢᠳᠠᠢ ᠠᠩᠬᠢᠵᠢᠷᠠᠭᠤᠯᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠨᠡᠶᠢᠭᠡᠮ ᠤᠨ ᠬᠦᠴᠦᠨ ᠢ ᠲᠠᠶᠢᠴᠢᠯᠠᠨ ᠶᠠᠳᠠᠭᠤ ᠶᠢ ᠲᠡᠳᠬᠦᠬᠦ ᠠᠵᠢᠯ ᠳᠤ ᠤᠷᠤᠯᠴᠠᠭᠤᠯᠤᠨ᠂ | ᠪᠤᠶᠠᠨᠰᠠᠭ ᠡᠮ ᠡᠮᠨᠡᠯᠭᠡ ᠶᠢᠨ ᠨᠠᠷᠠᠨ ᠬᠡᠷᠡᠯᠳᠦ ᠠᠪᠤᠷᠠᠨ ᠲᠤᠰᠠᠯᠠᠬᠤ ᠢᠨᠵᠧᠨᠧᠷᠢᠩ ᠢ ᠬᠡᠷᠡᠭᠵᠢᠭᠦᠯᠤᠨ᠎ᠡ᠃ 2016 | ᠤᠨ ᠤ ᠡᠴᠦᠰ ᠪᠤᠯᠬᠤ ᠳᠤ 871 ᠡᠷᠦᠬᠡ ᠶᠢᠨ 2141 ᠬᠦᠮᠦᠨ ᠢ ᠶᠠᠳᠠᠭᠤ ᠠᠴᠠ ᠨᠢ ᠠᠩᠬᠢᠵᠢᠷᠠᠭᠤᠯᠬᠤ ᠶᠢ | ᠦᠨᠡᠨᠬᠦ ᠪᠡᠶᠡᠯᠡᠭᠦᠯᠵᠦ᠂ ᠤᠷᠤᠨ ᠤ ᠲᠡᠰ ᠤᠨ ᠶᠠᠳᠠᠭᠤ ᠬᠦᠴᠢᠷᠳᠠᠢ ᠬᠤᠰᠢᠭᠤ ᠰᠢᠶᠠᠨ ᠤ ᠨᠡᠷ᠎ᠡ ᠶᠢ ᠲᠠᠶᠠᠬᠳᠠᠨ᠂ | ᠶᠠᠳᠠᠭᠤ ᠬᠦᠴᠢᠷᠳᠠᠢ ᠡᠷᠦᠬᠡ ᠶᠢᠨ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠪᠠ | ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠶᠢ 6000 ᠲᠦᠭᠦᠷᠢᠭ ᠠᠴᠠ ᠲᠡᠭᠡᠭᠰᠢ ᠳᠤ ᠬᠦᠷᠭᠡᠬᠦ ᠬᠠᠷᠠᠯᠳᠠ ᠶᠢ | ᠪᠡᠶᠡᠯᠡᠭᠦᠯᠦᠨ᠎ᠡ᠃ ︽ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠤᠨ᠎ᠠ᠃ | ᠪᠦᠬᠦ ᠬᠤᠰᠢᠭᠤᠨ ᠤ 9 ᠰᠤᠮᠤ ᠪᠠᠯᠭᠠᠰᠤ ᠲᠠᠯᠠᠪᠠᠢ᠂ 118 ᠭᠠᠴᠠᠭ᠎ᠠ ᠲᠤᠰᠬᠤᠨ ᠬᠤᠪᠢᠶᠠᠷᠢ ᠲᠠᠯᠠᠪᠠᠢ ᠶᠢᠨ | 808 ᠬᠤᠳᠠ᠂ 77 ᠪᠠᠶᠢᠭᠠᠯᠢᠯᠢᠭ ᠲᠤᠰᠬᠤᠨ᠂ 19 ᠮᠠᠯ ᠲᠠᠷᠢᠶᠠᠯᠠᠩ ᠣᠢ ᠰᠢᠭᠤᠢ ᠶᠢᠨ ᠬᠤᠪᠢᠶᠠᠷᠢ ᠲᠠᠯᠠᠪᠠᠢ᠂ | 11 ᠤᠳᠤ ᠶᠢᠨ ᠰᠤᠮᠤ ᠪᠠ ᠤᠤᠯ ᠤᠨ ᠰᠤᠮᠤ ᠶᠢ ᠦᠬᠡᠶᠢᠰᠬᠡᠨ ᠪᠠᠯᠭᠠᠰᠤ ᠪᠤᠯᠭᠠᠨ ᠦᠷᠭᠡᠳᠭᠡᠭᠰᠡᠨ ᠭᠠᠵᠠᠷ ᠤᠨ | ᠰᠠᠭᠤᠭ᠎ᠠ ᠭᠠᠵᠠᠷ ᠢ ᠪᠦᠷᠬᠦᠵᠦ᠂ ᠡᠨᠡ ᠨᠢ 2.3 ᠲᠦᠮᠡᠨ ᠡᠷᠦᠬᠡ ᠶᠢᠨ 5.8 ᠲᠦᠮᠡᠨ ᠬᠦᠮᠦᠨ ᠲᠠᠢ | ᠬᠤᠯᠪᠤᠬᠳᠠᠵᠤ ᠪᠤᠢ᠃ ᠮᠠᠯᠵᠢᠬᠤ ᠲᠠᠷᠢᠶᠠᠯᠠᠬᠤ ᠤᠷᠤᠨ ᠤ 2853 ᠡᠷᠦᠬᠡ ᠶᠢᠨ ᠨᠤᠷᠠᠬᠤ ᠠᠶᠤᠯᠳᠠᠢ ᠭᠡᠷ | ᠪᠠᠶᠢᠰᠢᠩ ᠢ ᠦᠭᠡᠷᠡᠴᠢᠯᠡᠨ ᠵᠠᠰᠠᠵᠤ᠂ ᠮᠠᠯ ᠲᠠᠷᠢᠶᠠᠯᠠᠩ ᠤᠢ ᠰᠢᠭᠤᠢ ᠶᠢᠨ ᠲᠠᠯᠠᠪᠠᠢ ᠶᠢᠨ 474 ᠡᠷᠦᠬᠡ ᠶᠢᠨ | ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠵᠤ᠂ ᠠᠮᠢ ᠠᠬᠤᠢ ᠮᠠᠭᠤᠳᠠᠬᠰᠠᠨ ᠤᠷᠤᠨ ᠤ 133 | ᠡᠷᠦᠬᠡ ᠶᠢᠨ ᠠᠷᠠᠳ ᠢ ᠨᠡᠭᠦᠯᠭᠡᠨ᠎ᠡ︔ ᠤᠰᠤ ᠬᠠᠩᠭᠠᠬᠤ ᠬᠤᠳᠳᠤᠭ 93 ᠶᠢ ᠰᠢᠨ᠎ᠡ ᠪᠠᠷ ᠮᠠᠯᠳᠠᠵᠤ᠂ 629 | ᠬᠦᠮᠦᠨ ᠤ ᠴᠡᠪᠡᠷ ᠤᠰᠤ ᠤᠤᠭᠤᠬᠤ ᠪᠠ 2300 ᠲᠤᠯᠤᠭᠠᠢ ᠮᠠᠯ ᠤᠨ ᠤᠰᠤ ᠤᠤᠭᠤᠬᠤ ᠬᠦᠴᠢᠷ ᠠᠰᠠᠭᠤᠳᠠᠯ ᠢ | ᠰᠢᠢᠳᠪᠦᠷᠢᠯᠡᠨ᠎ᠡ︔ 75.1 ᠺᠢᠯᠤᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠤᠨ᠂ 2000 ᠢᠵᠢ ᠷᠠᠳᠢᠤ᠋ | ᠲᠧᠯᠸᠢᠰ ᠢ ᠡᠷᠦᠬᠡ ᠪᠦᠷᠢ ᠳᠤ ᠨᠡᠪᠳᠡᠷᠡᠭᠦᠯᠬᠦ ᠲᠦᠬᠦᠭᠡᠷᠦᠮᠵᠢ ᠶᠢ ᠤᠬᠰᠠᠷᠠᠨ᠂ 2 ᠰᠠᠭᠤᠷᠢ ᠭᠠᠵᠠᠷ ᠲᠡᠭᠡᠷᠡᠬᠢ | ᠲᠤᠭᠠᠴᠢᠯᠠᠬᠰᠠᠨ ᠰᠢᠭᠤᠳ ᠲᠠᠮᠵᠢᠭᠤᠯᠬᠤ ᠦᠷᠳᠡᠭᠡ ᠶᠢ ᠪᠠᠶᠢᠭᠤᠯᠤᠨ᠎ᠠ︔ ᠪᠤᠷᠤᠬᠤᠳᠠ ᠪᠠᠭ᠎ᠠ ᠰᠤᠷᠭᠠᠭᠤᠯᠢ ᠶᠢᠨ | 630 ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠠᠶᠢᠷᠢ ᠶᠢᠨ ᠭᠡᠷ ᠢ ᠦᠭᠡᠷᠡᠴᠢᠯᠡᠨ ᠵᠠᠰᠠᠵᠤ᠂ 23 ᠰᠠᠭᠤᠷᠢ | ᠪᠠᠷᠢᠮᠵᠢᠶᠠᠵᠢᠬᠰᠠᠨ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠡ ᠪᠠᠷ ᠪᠠᠶᠢᠭᠤᠯᠤᠨ᠂ 12 ᠰᠠᠭᠤᠷᠢ ᠠᠷᠠᠳ ᠲᠤ | ᠲᠦᠭᠦᠮ ᠦᠵᠡᠭᠦᠯᠬᠦ ᠬᠡᠳᠦ ᠲᠡᠯᠭᠡᠭᠦᠷ ᠢ ᠦᠭᠡᠷᠡᠴᠢᠯᠡᠨ ᠵᠠᠰᠠᠵᠤ᠂ ᠨᠡᠶᠢᠭᠡᠮ ᠤᠨ ᠪᠠᠳᠤᠯᠠᠭ᠎ᠠ ᠶᠢᠨ ᠲᠠᠯ᠎ᠠ ᠪᠠᠷ | ᠪᠠᠳᠤᠯᠠᠬᠤ ᠵᠤᠬᠢᠰᠳᠠᠢ ᠶᠢ ᠴᠢᠳᠠᠯ ᠤᠨ ᠬᠢᠷᠢ ᠪᠠᠷ ᠪᠠᠳᠤᠯᠠᠬᠤ ᠶᠢ ᠪᠡᠶᠡᠯᠡᠭᠦᠯᠦᠨ᠎ᠡ︔ ᠮᠠᠯᠵᠢᠬᠤ ᠲᠠᠷᠢᠶᠠᠯᠠᠬᠤ ᠤᠷᠤᠨ | ᠤ ᠪᠦᠬᠦᠶᠢᠯᠡ ᠴᠤᠬᠴᠠ ᠶᠢᠨ ᠬᠡᠪ ᠲᠦᠷᠬᠦ ᠶᠢ ᠬᠦᠴᠦᠯᠡᠨ ᠲᠡᠭᠡᠭᠰᠢᠯᠡᠭᠦᠯᠦᠨ᠎ᠡ᠃ ᠪᠡᠯᠡ ᠮᠦᠩᠬᠦ ᠴᠣᠭᠯᠠᠭᠤᠯᠬᠤ | ᠬᠦᠴᠦᠯᠡᠴᠡ ᠶᠢ ᠨᠡᠮᠡᠭᠳᠡᠭᠦᠯᠦᠨ᠂ ᠠᠵᠤ ᠠᠬᠤᠶᠢᠯᠠᠯ ᠪᠤᠯᠤᠨ ᠨᠡᠶᠢᠭᠡᠮ ᠢ ᠲᠠᠶᠢᠴᠢᠯᠠᠨ ᠪᠡᠯᠡ ᠤᠷᠤᠭᠤᠯᠬᠤ ᠪᠠ | ᠮᠠᠯᠴᠢᠨ ᠲᠠᠷᠢᠶᠠᠴᠢᠳ ᠢ ᠲᠠᠶᠢᠴᠢᠯᠠᠨ ᠬᠦᠳᠡᠯᠮᠤᠷᠢ ᠬᠦᠴᠦ ᠤᠷᠤᠭᠤᠯᠵᠤ᠂ ᠭᠠᠴᠠᠭ᠎ᠠ ᠲᠤᠰᠬᠤᠨ ᠤ ᠲᠦᠷᠢ ᠲᠦᠷᠬᠦ | ᠶᠢ ᠴᠡᠭᠴᠡᠯᠡᠨ ᠵᠠᠰᠠᠵᠤ᠂ 4710 ᠡᠷᠦᠬᠡ ᠶᠢᠨ ᠬᠠᠭᠤᠴᠢᠨ ᠰᠢᠪᠠᠷ ᠪᠠᠶᠢᠰᠢᠩ ᠢ ᠨᠤᠷᠠᠭᠠᠨ᠂ 467 ᠡᠷᠦᠬᠡ ᠶᠢᠨ | ᠭᠡᠷ ᠪᠠᠶᠢᠰᠢᠩ ᠢ ᠰᠢᠨᠡᠳᠬᠡᠵᠤ᠂ 101 ᠲᠦᠮᠡᠨ ᠤᠷᠳᠤᠳᠬᠠᠬᠰᠠᠨ ᠮᠧᠲᠷ ᠤᠨ ᠬᠡᠷᠡᠮ ᠪᠤᠯᠤᠨ 2 ᠲᠦᠮᠡᠨ ᠲᠡᠭᠰᠢ | ᠲᠦᠷᠪᠡᠯᠵᠢᠨ ᠮᠧᠲᠷ ᠤᠨ ᠰᠤᠶᠤᠯ ᠤᠨ ᠬᠡᠷᠡᠮ ᠢ ᠰᠢᠨ᠎ᠡ ᠪᠠᠷ ᠪᠠᠶᠢᠭᠤᠯᠵᠤ᠂ 363.9 ᠺᠢᠯᠤᠮᠧᠲᠷ ᠤᠨ ᠽᠧᠮᠨ᠋ᠲ | ᠵᠠᠮ ᠢ ᠲᠡᠪᠢᠰᠦᠨ᠂ 49.5 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠤᠨ ᠮᠦᠷᠦ ᠶᠢ ᠬᠠᠳᠠᠭᠤᠷᠠᠭᠤᠯᠤᠨ᠂ | 330 ᠰᠠᠭᠤᠷᠢ ᠬᠤᠭ ᠤᠨ ᠤᠩᠭᠤᠴᠠ ᠪᠤᠯᠤᠨ 110 ᠰᠠᠭᠤᠷᠢ ᠨᠠᠶᠢᠳᠠ ᠶᠢᠨ ᠵᠤᠷᠯᠤᠩ ᠢ ᠪᠠᠷᠢᠬᠤ ᠪᠠᠷ | ᠲᠦᠯᠦᠪᠯᠡᠵᠦ ᠪᠠᠶᠢᠨ᠎ᠡ᠃ ᠪᠡᠯᠡ ᠮᠦᠩᠬᠦ ᠲᠤᠬᠢᠷᠠᠭᠤᠯᠬᠤ ᠪᠤᠶᠤ ᠱᠠᠩᠨᠠᠯ ᠨᠦᠬᠦᠪᠦᠷᠢ ᠤᠯᠭᠤᠬᠤ ᠬᠡᠯᠪᠡᠷᠢ ᠮᠠᠶ᠋ᠢᠭ | ᠢᠶᠠᠷ ᠲᠠᠮᠵᠢᠭᠤᠯᠤᠨ᠂ ᠪᠦᠬᠦ ᠠᠷᠠᠳ ᠤᠨ ᠬᠠᠷᠠᠵᠤ ᠬᠠᠮᠠᠭᠠᠯᠠᠬᠤ ᠠᠵᠢᠯ ᠳᠤ ᠤᠷᠤᠯᠴᠠᠬᠤ ᠶᠢ ᠵᠤᠷᠢᠬᠵᠢᠭᠤᠯᠤᠨ᠂ | ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠢ ᠪᠦᠬᠦᠶᠢᠯᠡ ᠴᠤᠬᠴᠠ ᠶᠢᠨ ᠲᠠᠯ᠎ᠠ ᠪᠠᠷ ᠰᠠᠶᠢᠵᠢᠷᠠᠯᠳᠠ ᠲᠠᠢ | ᠪᠤᠯᠭᠠᠨ᠎ᠠ᠃ | ︵ ᠬᠤᠶᠠᠷ︶ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠤᠨ᠂ ᠲᠠᠯ᠎ᠠ ᠨᠤᠳᠤᠭ ᠤᠨ ᠠᠮᠢ ᠠᠬᠤᠢ ᠶᠢᠨ | ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ | ︽ᠪᠠᠶᠢᠭᠠᠯᠢᠯᠢᠭ ᠢᠶᠠᠷ ᠤᠷᠤᠨ ᠢᠶᠠᠨ ᠴᠢᠨᠡᠭᠡᠯᠢᠭᠵᠢᠭᠦᠯᠬᠦ᠂ ᠪᠠᠶᠢᠭᠠᠯᠢᠯᠢᠭ ᠢᠶᠠᠷ ᠠᠶᠢᠮᠠᠭ ᠢᠶᠠᠨ | ᠬᠦᠴᠦᠷᠬᠡᠭᠵᠢᠭᠦᠯᠬᠦ᠂ ᠪᠠᠶᠢᠭᠠᠯᠢᠯᠢᠭ ᠢᠶᠠᠷ ᠠᠷᠠᠳ ᠢ ᠬᠠᠷᠠᠭᠠᠯᠵᠠᠬᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ︾ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠪᠤᠯᠤᠨ ᠠᠶᠢᠮᠠᠭ ᠤᠨ ᠨᠠᠮ ᠤᠨ ᠬᠤᠷᠢᠶ᠎ᠠ ᠠᠴᠠ ᠳᠣᠳᠣᠷᠬᠠᠢ ᠲᠤᠷᠠᠳᠤᠬᠰᠠᠨ ᠠᠮᠢ ᠠᠬᠤᠢ ᠶᠢᠨ | ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ ᠬᠢ ᠬᠠᠷᠠᠯᠳᠠ ᠪᠤᠯᠤᠨ᠎ᠠ᠃ ᠮᠠᠨ ᠤ ᠬᠤᠰᠢᠭᠤ ᠨᠢ | ᠬᠤᠯᠠᠨ ᠰᠢᠷᠭ᠎ᠠ ᠲᠠᠭ᠎ᠠ ᠶᠢᠨ ᠡᠯᠡᠰᠤᠨ ᠤ ᠬᠡᠪᠡᠯᠢ ᠳᠤ ᠪᠠᠶᠢᠷᠢᠰᠢᠵᠤ᠂ ᠪᠦᠬᠦ ᠠᠶᠢᠮᠠᠭ ᠤᠨ ᠲᠠᠯ᠎ᠠ ᠨᠤᠳᠤᠭ ᠤᠨ ᠠᠮᠢ | ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠤᠷᠤᠨ ᠪᠤᠯᠤᠨ᠎ᠠ᠃ | ᠪᠢᠳᠡᠨ ᠳᠤ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠬᠦ ᠡᠭᠦᠷᠭᠡ | ᠬᠠᠷᠢᠭᠤᠴᠠᠯᠭ᠎ᠠ ᠪᠠᠶᠢᠭ᠎ᠠ ᠪᠦᠭᠡᠳ ᠨᠡᠩ ᠴᠦ ᠲᠠᠯ᠎ᠠ ᠨᠤᠳᠤᠭ ᠤᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ | ᠶᠢ ᠠᠬᠢᠭᠤᠯᠤᠨ᠂ ᠪᠢᠳᠡᠨ ᠤ ᠤᠷᠤᠰᠢᠨ ᠰᠠᠭᠤᠷᠢᠰᠢᠬᠤ ᠨᠤᠳᠤᠭ ᠤᠷᠤᠨ ᠢᠶᠠᠨ ᠦᠨᠢ ᠡᠭᠦᠷᠢᠳᠡ ᠦᠵᠡᠰᠬᠦᠯᠡᠩ | ᠰᠠᠶᠢᠬᠠᠨ ᠪᠤᠯᠭᠠᠬᠤ ᠢᠳᠡᠭᠡᠯ ᠪᠠ ᠡᠷᠡᠰ ᠵᠤᠷᠢᠭ ᠪᠠᠶᠢᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ | ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠎ᠠ᠃ ᠡᠨᠡ ᠵᠢᠯ ᠤᠯᠤᠰ ᠠᠴᠠ ᠬᠤᠶᠠᠳᠤᠭᠠᠷ | ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠡᠬᠢᠯᠡᠨ | ᠬᠡᠷᠡᠭᠵᠢᠭᠦᠯᠵᠦ᠂ ᠱᠠᠩᠨᠠᠯ ᠨᠦᠬᠦᠪᠦᠷᠢ ᠶᠢᠨ ᠪᠡᠯᠡ ᠮᠦᠩᠭᠦᠨ ᠤ ᠪᠠᠷᠢᠮᠵᠢᠶ᠎ᠠ ᠶᠢ ᠲᠡᠭᠡᠭᠰᠢᠯᠡᠭᠦᠯᠦᠨ᠂ ᠢᠵᠢ | ᠪᠦᠷᠢᠳᠦᠭᠰᠡᠨ ᠲᠦᠷᠦ ᠶᠢᠨ ᠪᠤᠳᠤᠯᠭ᠎ᠠ ᠪᠠ ᠬᠢᠨᠠᠨ ᠬᠠᠮᠢᠶᠠᠷᠤᠯᠳᠠ ᠶᠢᠨ ᠲᠤᠬᠳᠠᠯᠴᠠᠭ᠎ᠠ ᠶᠢ ᠲᠡᠭᠦᠯᠳᠡᠷᠵᠢᠭᠦᠯᠵᠠᠢ᠃ | ᠮᠠᠨ ᠤ ᠬᠤᠰᠢᠭᠤ ᠨᠢ 1372.93 ᠲᠦᠮᠡᠨ ᠮᠤ᠋ ᠲᠠᠯᠠᠪᠠᠢ ᠳᠤ ᠱᠠᠩᠨᠠᠯ ᠨᠦᠬᠦᠪᠦᠷᠢ ᠶᠢᠨ ᠲᠤᠬᠳᠠᠯᠴᠠᠭ᠎ᠠ ᠶᠢ | ᠬᠡᠷᠡᠭᠵᠢᠭᠦᠯᠬᠦ ᠪᠠᠷ ᠲᠦᠯᠦᠪᠯᠡᠵᠦ᠂ ᠡᠭᠦᠨ ᠳᠤ ᠪᠡᠯᠴᠢᠭᠡᠷᠯᠡᠭᠦᠯᠬᠦ ᠶᠢ ᠵᠤᠬᠰᠤᠭᠠᠬᠰᠠᠨ ᠲᠠᠯᠠᠪᠠᠢ 381.73 ᠲᠦᠮᠡᠨ | ᠮᠤ᠋᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠠᠯᠠᠪᠠᠢ 991.2 ᠲᠦᠮᠡᠨ ᠮᠤ᠋ ᠪᠠᠶᠢᠨ᠎ᠠ᠃ ᠪᠡᠯᠴᠢᠭᠡᠷᠯᠡᠭᠦᠯᠬᠦ ᠶᠢ | ᠵᠤᠬᠰᠤᠭᠠᠬᠰᠠᠨ ᠲᠤᠭᠤᠷᠢᠭ ᠨᠢ ᠮᠠᠯ ᠮᠠᠯᠵᠢᠬᠤ ᠶᠢ ᠡᠷᠡᠰ ᠬᠤᠷᠢᠬᠯᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠲᠤᠭᠤᠷᠢᠭ ᠨᠢ ᠬᠠᠮᠢᠶᠠᠳᠠᠢ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠪᠡᠯᠴᠢᠭᠡᠷ ᠤᠨ ᠲᠠᠯᠠᠪᠠᠢ ᠶᠢᠨ | ᠪᠠᠶᠢᠳᠠᠯ ᠪᠠ ᠮᠠᠯ ᠤᠨ ᠲᠠᠭᠠᠭᠠᠴᠠ ᠶᠢᠨ ᠪᠠᠷᠢᠮᠵᠢᠶ᠎ᠠ ᠶᠢ ᠦᠨᠳᠦᠰᠦᠯᠡᠨ᠂ ᠡᠪᠡᠰᠦᠨ ᠤ ᠬᠡᠮᠵᠢᠶ᠎ᠡ ᠪᠠᠷ ᠮᠠᠯ ᠤᠨ | ᠲᠤᠭ᠎ᠠ ᠲᠤᠯᠤᠭᠠᠢ ᠶᠢ ᠲᠤᠬᠳᠠᠭᠠᠨ᠎ᠠ᠃ ᠱᠠᠩᠨᠠᠯ ᠨᠦᠬᠦᠪᠦᠷᠢ ᠶᠢᠨ ᠪᠡᠯᠡ ᠮᠦᠩᠭᠦᠨ ᠤ ᠲᠠᠷᠬᠠᠭᠠᠯᠳᠠ ᠶᠢ | ᠪᠡᠯᠴᠢᠭᠡᠷᠯᠡᠬᠦᠯᠬᠦ ᠶᠢ ᠵᠤᠬᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠡᠭᠦᠷᠭᠡ ᠶᠢᠨ ᠨᠠᠶᠢᠳᠠᠪᠤᠷᠢᠵᠢᠭᠤᠯᠤᠯᠳᠠ | ᠵᠢᠴᠢ ᠠᠷᠠᠴᠢᠯᠠᠨ ᠮᠠᠯᠵᠢᠬᠤ ᠬᠡᠯᠪᠡᠷᠢ ᠮᠠᠶ᠋ᠢᠭ ᠢ ᠬᠠᠯᠠᠨ ᠰᠠᠶᠢᠵᠢᠷᠠᠭᠤᠯᠬᠤ ᠵᠡᠷᠭᠡ ᠲᠠᠢ ᠬᠤᠯᠪᠤᠬᠳᠠᠭᠤᠯᠤᠨ᠂ ᠪᠡᠯᠡ | ᠮᠦᠩᠭᠦᠨ ᠤ ᠨᠦᠬᠦᠪᠦᠷᠢᠯᠡᠬᠦ᠂ ᠱᠠᠩᠨᠠᠬᠤ᠂ ᠤᠷᠮᠠᠰᠢᠭᠤᠯᠬᠤ᠂ ᠬᠢᠵᠠᠭᠠᠷᠯᠠᠬᠤ ᠵᠡᠷᠭᠡ ᠲᠠᠯ᠎ᠠ ᠪᠠᠷ ᠬᠢ ᠤᠯᠠᠨ ᠵᠦᠢᠯ | ᠤᠨ ᠦᠢᠯᠡᠳᠦᠯ ᠢ ᠪᠠᠳᠤᠯᠠᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ | ᠢ ᠴᠢᠩᠭ᠎ᠠ ᠢᠯᠭᠠᠨ ᠲᠤᠬᠳᠠᠭᠠᠨ᠎ᠠ᠃ ︽ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠤᠨ ᠬᠢᠨᠠᠨ ᠰᠢᠯᠭᠠᠯᠳᠠ ᠶᠢᠨ | ᠠᠷᠭ᠎ᠠ︾ ᠪᠠ ︽ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠤᠨ ᠬᠡᠷᠡᠭᠵᠢᠭᠦᠯᠬᠦ ᠲᠦᠰᠦᠪ︾ ᠢ | ᠲᠤᠬᠳᠠᠭᠠᠨ᠂ ᠰᠡᠷᠡᠮᠵᠢ ᠶᠢᠨ ᠱᠤᠭᠤᠮ ᠤᠨ ᠬᠡᠪᠴᠢᠶᠡᠨ ᠲᠤᠳᠤᠷᠠᠬᠢ ᠤᠤᠯ ᠤᠨ ᠪᠠᠶᠢᠬᠰᠠᠨ ᠨᠡᠭᠡᠭᠡᠯᠳᠡ ᠶᠢᠨ | ᠠᠵᠢᠯᠯᠠᠭ᠎ᠠ ᠶᠢ ᠴᠡᠪᠡᠷᠯᠡᠨ ᠴᠡᠭᠴᠡᠯᠡᠵᠤ᠂ ᠤᠷᠴᠢᠨ ᠲᠤᠭᠤᠷᠢᠨ ᠪᠤᠯᠤᠨ ᠡᠬᠢ ᠪᠠᠶᠠᠯᠢᠭ ᠤᠨ ᠲᠠᠯ᠎ᠠ ᠪᠠᠷ ᠬᠢ | ᠡᠪᠳᠡᠯᠭᠡ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃ ᠨᠤᠳᠤᠭ ᠪᠡᠯᠴᠢᠭᠡᠷ ᠪᠠ ᠭᠠᠵᠠᠷ ᠰᠢᠷᠣᠢ ᠶᠢᠨ ᠡᠵᠡᠩᠨᠡᠯᠳᠡ | ᠶᠢᠨ ᠡᠷᠬᠡ ᠶᠢ ᠨᠤᠳᠠᠯᠠᠬᠤ ᠠᠵᠢᠯ ᠢ ᠪᠡᠶᠡᠯᠡᠭᠦᠯᠵᠦ᠂ ᠪᠠᠶᠢᠭᠠᠯᠢ ᠶᠢᠨ ᠡᠪᠡᠰᠦ ᠪᠡᠯᠴᠢᠭᠡᠷ ᠤᠨ ᠲᠠᠯᠠᠪᠠᠢ ᠶᠢᠨ | ᠬᠠᠮᠠᠭᠠᠯᠠᠯᠳᠠ ᠪᠠ ᠬᠠᠮᠢᠶᠠᠷᠤᠯᠳᠠ ᠶᠢ ᠴᠢᠩᠭᠠᠳᠬᠠᠨ᠂ ᠠᠷᠠᠯᠵᠢᠶᠠᠨ ᠤ ᠴᠢᠨᠠᠷᠳᠠᠢ ᠠᠰᠢᠬᠯᠠᠯᠳᠠ ᠶᠢ ᠴᠢᠩᠭ᠎ᠠ | ᠬᠢᠵᠠᠭᠠᠷᠯᠠᠵᠤ᠂ ᠲᠠᠯᠬᠢᠬᠳᠠᠯ ᠤᠨ ᠴᠢᠨᠠᠷᠳᠠᠢ ᠡᠵᠡᠩᠨᠡᠯᠳᠡ ᠶᠢ ᠡᠷᠡᠰ ᠬᠤᠷᠢᠬᠯᠠᠨ᠂ ︽ᠨᠤᠳᠤᠭ ᠪᠡᠯᠴᠢᠭᠡᠷ ᠤᠨ | ᠡᠵᠡᠩᠨᠡᠯᠳᠡ ᠶᠢᠨ ᠡᠷᠬᠡ ᠶᠢ ᠰᠢᠯᠵᠢᠭᠦᠯᠬᠦ ᠬᠠᠮᠢᠶᠠᠷᠤᠯᠳᠠ ᠶᠢᠨ ᠠᠷᠭ᠎ᠠ︾ ᠶᠢ ᠲᠤᠬᠳᠠᠭᠠᠵᠤ᠂ ᠡᠪᠡᠰᠦ ᠬᠠᠳᠤᠵᠤ | ᠨᠦᠭᠡᠴᠡᠯᠡᠬᠦ ᠪᠠ ᠨᠤᠳᠤᠭ ᠪᠡᠯᠴᠢᠭᠡᠷ ᠢᠶᠠᠨ ᠲᠦᠷᠢᠶᠡᠰᠦᠯᠡᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ | ᠲᠦᠷᠢᠮᠵᠢᠭᠦᠯᠦᠨ᠎ᠠ᠃ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ | ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ | ᠬᠤᠭᠤᠴᠠᠭᠠᠨ ᠤ ᠢᠨᠵᠧᠨᠧᠷᠢᠩ ᠢ ᠰᠠᠶᠢᠳᠤᠷ ᠬᠡᠷᠡᠭᠵᠢᠭᠦᠯᠤᠨ᠂ 7.7 ᠲᠦᠮᠡᠨ ᠮᠤ᠋ ᠤᠢ ᠰᠢᠭᠤᠢ ᠶᠢᠨ ᠪᠦᠳᠦᠭᠡᠨ | ᠪᠠᠶᠢᠭᠤᠯᠤᠯᠳᠠ᠂ 7500 ᠮᠤ᠋ ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠳᠠ ᠪᠤᠯᠤᠨ 5 ᠲᠦᠮᠡᠨ ᠮᠤ᠋ | ᠪᠢᠳᠡᠭᠦᠮᠵᠢᠯᠡᠨ ᠤᠶᠢᠵᠢᠭᠤᠯᠬᠤ ᠶᠢ ᠪᠡᠶᠡᠯᠡᠭᠦᠯᠵᠦ᠂ 2500 ᠮᠤ᠋ ᠶᠢᠨ ᠭᠤᠤᠯᠳᠠᠯᠭ᠎ᠠ ᠲᠠᠢ ᠤᠷᠤᠨ ᠲᠤᠭᠤᠷᠢᠭ ᠢ | ᠨᠤᠭᠤᠭᠠᠷᠠᠭᠤᠯᠤᠨ᠂ 5 ᠲᠦᠮᠡᠨ ᠣᠷᠳᠣᠳᠬᠠᠭᠰᠠᠨ ᠮᠧᠲᠷ ᠤᠨ ᠭᠤᠤᠯᠳᠠᠯᠭ᠎ᠠ ᠲᠠᠢ ᠨᠡᠶᠢᠳᠡ ᠶᠢᠨ ᠠᠰᠢᠬᠳᠤ ᠤᠢ | ᠶᠢ ᠬᠦᠷᠢᠶᠡᠯᠡᠨ ᠬᠠᠮᠠᠭᠠᠯᠠᠵᠤ᠂ ᠨᠤᠭᠤ ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠂ | ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠳᠣᠭᠤᠷᠢᠭ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢ | ᠶᠢᠨ ᠤᠷᠤᠨ ᠪᠤᠯᠤᠨ ᠤᠯᠤᠰ ᠪᠠ ᠮᠤᠵᠢ ᠶᠢᠨ ᠵᠠᠮ ᠤᠨ ᠬᠤᠶᠠᠷ ᠬᠠᠵᠠᠭᠤ ᠶᠢᠨ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠪᠠᠭ᠎ᠠ ᠵᠢᠭᠠᠰᠤᠳᠠᠢ ᠨᠠᠭᠤᠷ ᠤᠨ ᠡᠷᠬᠢᠨ ᠲᠤᠭᠤᠷᠢᠨ ᠳᠠᠬᠢ ᠠᠮᠢ ᠠᠬᠤᠢ ᠶᠢᠨ | ᠤᠷᠴᠢᠨ ᠲᠤᠭᠤᠷᠢᠨ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠡᠯᠡᠰᠤᠨ ᠤ ᠡᠬᠢ ᠶᠢ ᠵᠠᠰᠠᠬᠤ ᠢᠨᠵᠧᠨᠧᠷᠢᠩ | ᠤᠨ ᠲᠤᠭᠤᠷᠢᠨ ᠳᠤ ᠨᠢᠰᠬᠡᠯ ᠢᠶᠠᠷ ᠤᠶᠢᠵᠢᠭᠤᠯᠬᠤ᠂ ᠢᠨᠵᠧᠨᠧᠷᠢᠩ ᠢᠶᠠᠷ ᠡᠯᠡᠰᠦ ᠶᠢ ᠲᠤᠬᠳᠠᠪᠤᠷᠢᠵᠢᠭᠤᠯᠬᠤ ᠵᠡᠷᠭᠡ | ᠲᠦᠰᠦᠯ ᠢ ᠨᠡᠶᠢᠯᠡᠭᠦᠯᠦᠨ᠂ ᠬᠤᠯᠠᠨ ᠰᠢᠷᠭ᠎ᠠ ᠲᠠᠭ᠎ᠠ ᠶᠢᠨ ᠡᠯᠡᠰᠤᠨ ᠤ ᠬᠡᠪᠡᠯᠢ ᠳᠤ ︽ᠵᠠᠭᠤᠨ ᠲᠦᠮᠡᠨ ᠮᠤ᠋ ᠶᠢᠨ | ᠰᠢᠷ᠎ᠠ ᠪᠤᠷᠭᠠᠰᠤᠨ ᠤ ᠰᠠᠭᠤᠷᠢᠨ ᠭᠠᠵᠠᠷ︾ ᠪᠠ ︽ᠵᠠᠭᠤᠨ ᠲᠦᠮᠡᠨ ᠮᠤ᠋ ᠶᠢᠨ ᠪᠤᠳᠠ ᠮᠤᠳᠤᠨ ᠤ ᠰᠠᠭᠤᠷᠢᠨ ᠭᠠᠵᠠᠷ︾ | ᠢ ᠪᠠᠶᠢᠭᠤᠯᠤᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠦᠴᠦᠯᠡᠴᠡ ᠶᠢ ᠨᠡᠮᠡᠭᠳᠡᠭᠦᠯᠦᠨ᠎ᠡ᠃ ᠪᠤᠬᠢᠷᠳᠤᠯ | ᠢ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ ᠢ | ᠵᠦᠷᠢᠴᠡᠭᠰᠡᠨ ᠲᠦᠰᠦᠯ ᠢ ᠴᠡᠪᠡᠷᠯᠡᠨ ᠴᠡᠭᠴᠡᠯᠡᠬᠦ ᠶᠢ ᠪᠡᠶᠡᠯᠡᠭᠦᠯᠵᠦ᠂ ᠤᠷᠴᠢᠨ ᠲᠤᠭᠤᠷᠢᠨ ᠤ ᠬᠠᠤᠯᠢ ᠶᠢ | ᠵᠦᠷᠢᠴᠡᠭᠰᠡᠨ ᠠᠰᠠᠭᠤᠳᠠᠯ ᠢ ᠴᠢᠩᠭ᠎ᠠ ᠪᠠᠷ ᠪᠠᠶᠢᠴᠠᠭᠠᠨ ᠰᠢᠢᠳᠬᠡᠨ᠎ᠡ᠃ ᠴᠠᠬᠢᠯᠭᠠᠨ ᠦᠢᠯᠡᠳᠪᠦᠷᠢ ᠶᠢᠨ ᠡᠨᠧᠷᠬᠢ | ᠠᠷᠪᠢᠯᠠᠵᠤ ᠪᠤᠬᠢᠷᠳᠤᠯ ᠢ ᠭᠠᠳᠠᠬᠰᠢᠯᠠᠭᠤᠯᠬᠤ ᠮᠡᠷᠭᠡᠵᠢᠯ ᠤᠨ ᠦᠭᠡᠷᠡᠴᠢᠯᠡᠯᠳᠡ ᠶᠢ ᠬᠡᠷᠡᠭᠵᠢᠭᠦᠯᠦᠨ᠎ᠡ᠃ ᠲᠠᠷᠢᠶᠠᠯᠠᠩ | ᠤᠨ ᠡᠮ᠂ ᠬᠢᠮᠢ ᠶᠢᠨ ᠪᠤᠷᠳᠤᠭᠤᠷ᠂ ᠰᠦᠯᠢᠶᠤᠤ ᠪᠦᠷᠬᠦᠪᠴᠢ ᠶᠢᠨ ᠬᠡᠷᠡᠭᠯᠡᠭᠡ ᠶᠢ ᠪᠠᠭᠠᠰᠬᠠᠵᠤ᠂ ᠪᠤᠬᠢᠷᠳᠤᠯ ᠦᠭᠡᠢ | ᠠᠭᠤᠷᠬᠠᠢ ᠪᠡ ᠡᠶ᠎ᠡ ᠵᠤᠬᠢᠴᠠᠯᠳᠤ ᠠᠭᠤᠷᠬᠠᠢ ᠶᠢᠨ ᠲᠤᠭᠤᠷᠢᠭ ᠢ ᠪᠠᠶᠢᠭᠤᠯᠤᠨ᠎ᠠ᠃ ᠰᠢᠨ᠎ᠡ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠬᠠᠤᠯᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠤ ᠬᠠᠮᠠᠭᠠᠯᠠᠯᠳᠠ | ᠶᠢᠨ ᠶᠡᠭᠡ ᠪᠠᠶᠢᠴᠠᠭᠠᠯᠳᠠ ᠶᠢ ᠯᠠᠪᠳᠠᠭᠤᠨ ᠪᠠᠳᠤᠳᠠᠢ ᠦᠷᠨᠢᠭᠦᠯᠦᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ | ᠪᠤᠬᠢᠷᠳᠤᠯ ᠤᠨ ᠰᠤᠷᠪᠤᠯᠵᠢ ᠶᠢᠨ ᠠᠬᠤᠢ ᠲᠠᠯᠠᠪᠠᠢ ᠳᠠᠬᠢ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠪᠦᠬᠦ | ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠳᠤ ᠲᠤᠬᠢᠷᠠᠮᠵᠢᠳᠠᠢ ᠲᠦᠬᠦᠭᠡᠷᠦᠮᠵᠢ ᠶᠢᠨ ᠬᠡᠷᠡᠭᠯᠡᠯᠳᠡ ᠶᠢᠨ | ᠨᠤᠷᠮ᠎ᠠ ᠶᠢ 95% ᠠᠴᠠ ᠲᠡᠭᠡᠭᠰᠢ ᠳᠤ ᠬᠦᠷᠭᠡᠵᠦ᠂ ᠪᠠᠷᠢᠮᠵᠢᠶᠠᠨ ᠳᠤ ᠬᠦᠷᠦᠭᠰᠡᠨ ᠨᠤᠷᠮ᠎ᠠ ᠶᠢ 100 % ᠳᠤ | ᠬᠦᠷᠭᠡᠨ᠎ᠡ᠃ | ︵ᠭᠤᠷᠪᠠ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠪᠠ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ | ᠠᠵᠤ ᠠᠬᠤᠢ ᠶᠢᠨ ᠲᠤᠬᠳᠠᠭᠤᠨ ᠨᠡᠮᠡᠭᠳᠡᠯ ᠢ ᠪᠠᠳᠤᠯᠠᠬᠤ ᠳᠤ ᠰᠠᠭᠤᠷᠢᠯᠠᠨ᠂ ᠭᠤᠤᠯᠳᠠᠯᠭ᠎ᠠ ᠲᠠᠢ ᠲᠦᠰᠦᠯ ᠤᠨ | ᠪᠠᠶᠢᠭᠤᠯᠤᠯᠳᠠ ᠶᠢ ᠴᠢᠩᠭᠠᠳᠬᠠᠵᠤ᠂ ᠠᠵᠤ ᠠᠬᠤᠢ ᠶᠢᠨ ᠡᠷᠬᠢᠯᠳᠡ ᠶᠢᠨ ᠲᠤᠬᠢᠷᠠᠭᠤᠯᠭ᠎ᠠ ᠶᠢ ᠡᠷᠴᠢᠮᠵᠢᠭᠦᠯᠦᠨ᠂ | ᠠᠵᠤ ᠠᠬᠤᠢ ᠶᠢᠨ ᠬᠦᠭᠵᠢᠯᠳᠡ ᠶᠢᠨ ᠲᠤᠬᠳᠠᠭᠤᠨ ᠤ ᠲᠤᠮᠳᠠ ᠰᠠᠶᠢᠵᠢᠷᠠᠯᠳᠠ ᠲᠠᠢ ᠪᠤᠯᠬᠤ᠂ ᠲᠤᠬᠳᠠᠭᠤᠨ ᠤ | ᠲᠤᠮᠳᠠ ᠲᠡᠰ ᠲᠡᠪᠰᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ | ᠶᠢᠨ ᠭᠤᠤᠯ ᠴᠤᠬᠴᠠ ᠶᠢᠨ ᠪᠠᠶᠢᠷᠢ ᠰᠠᠭᠤᠷᠢ ᠶᠢ ᠪᠠᠬᠢᠵᠢᠭᠦᠯᠦᠨ᠎ᠡ᠃ ᠲᠠᠪᠠᠭᠤᠯᠢᠭ ᠲᠠᠭᠠᠭᠤᠯᠤᠬᠴᠢ ᠠᠵᠤ ᠦᠢᠯᠡᠰ ᠢ | ᠪᠠᠬᠢᠵᠢᠭᠦᠯᠦᠨ ᠬᠦᠭᠵᠢᠬᠦᠯᠬᠦ ᠪᠠ ᠦᠯᠡᠬᠦᠦ ᠦᠢᠯᠡᠳᠪᠦᠷᠢᠯᠡᠯ ᠤᠨ ᠴᠢᠳᠠᠪᠬᠢ ᠶᠢᠨ ᠬᠤᠭᠤᠷᠤᠨᠳᠤᠬᠢ ᠬᠠᠷᠢᠴᠠᠭ᠎ᠠ ᠶᠢ | ᠵᠦᠪ ᠢᠶᠠᠷ ᠰᠢᠢᠳᠪᠦᠷᠢᠯᠡᠵᠦ᠂ ᠱᠠᠩᠳᠤ ᠴᠠᠬᠢᠯᠭᠠᠨ ᠦᠢᠯᠡᠳᠪᠤᠷᠢ ᠶᠢᠨ ᠪᠦᠬᠦ ᠵᠢᠯ ᠤᠨ ᠴᠠᠬᠢᠯᠭᠠᠨ ᠭᠠᠷᠭᠠᠯᠳᠠ ᠶᠢᠨ | ᠬᠡᠮᠵᠢᠶ᠎ᠡ ᠶᠢ 163 ᠳ᠋ᠦᠩᠰᠢᠭᠤᠷ ᠺᠷᠡᠳᠦ᠋ᠰ ᠲᠤ ᠬᠦᠷᠭᠡᠬᠦ ᠪᠠᠷ ᠴᠢᠷᠮᠠᠶᠢᠨ᠂ ᠰᠠᠯᠬᠢᠨ ᠴᠠᠬᠢᠯᠭᠠᠨ᠂ ᠭᠡᠷᠡᠯᠯᠢᠭ | ᠴᠠᠬᠢᠯᠭᠠᠨ ᠵᠡᠷᠭᠡ ᠰᠢᠨ᠎ᠡ ᠡᠨᠧᠷᠬᠢ ᠶᠢᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠨᠡᠩ ᠠᠷᠪᠢᠨ ᠴᠠᠬᠢᠯᠭᠠᠨ | ᠭᠠᠷᠭᠠᠬᠤ ᠨᠤᠷᠮ᠎ᠠ ᠶᠢ ᠤᠯᠬᠤ ᠪᠠᠷ ᠴᠢᠷᠮᠠᠶᠢᠨ᠎ᠠ᠃ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ | ᠪᠦᠬᠦᠨ ᠢ ᠠᠰᠢᠬᠯᠠᠯᠳᠠ ᠳᠤ ᠣᠷᠣᠭᠤᠯᠬᠤ ᠶᠢ ᠠᠬᠢᠭᠤᠯᠤᠨ᠂ ᠡᠭᠦᠨ ᠤ ᠤᠯᠠᠮ ᠢᠶᠠᠷ ᠠᠵᠤ ᠦᠢᠯᠡᠳᠪᠦᠷᠢ ᠶᠢᠨ | ᠠᠵᠤ ᠠᠬᠤᠢ ᠶᠢᠨ ᠨᠡᠮᠡᠭᠳᠡᠯ ᠢ ᠲᠠᠶᠢᠴᠢᠯᠠᠵᠤ᠂ ᠠᠵᠤ ᠠᠬᠤᠶᠢᠯᠠᠯ ᠢ ᠬᠡᠪᠴᠢᠶᠡᠵᠢᠯ ᠠᠴᠠ ᠲᠡᠭᠡᠭᠰᠢᠬᠢ ᠪᠠᠷᠢᠮᠵᠢᠶᠠᠨ | ᠳᠤ ᠬᠦᠷᠭᠡᠬᠦ ᠬᠦᠴᠦᠯᠡᠴᠡ ᠶᠢ ᠨᠡᠮᠡᠭᠳᠡᠭᠦᠯᠦᠨ᠂ ᠵᠢᠯ ᠤᠨ ᠲᠤᠳᠤᠷ᠎ᠠ 3 — 5 ᠡᠷᠦᠬᠡ ᠠᠵᠤ ᠠᠬᠤᠶᠢᠯᠠᠯ ᠢ | ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠡᠩᠨᠡᠭᠡᠨ ᠳᠤ ᠤᠷᠤᠭᠤᠯᠤᠨ᠎ᠠ᠃ ᠠᠵᠤ ᠦᠢᠯᠡᠳᠪᠦᠷᠢ ᠶᠢᠨ | ᠲᠤᠭᠤᠷᠢᠭ ᠤᠨ ᠵᠠᠮ᠂ ᠤᠰᠤ᠂ ᠪᠤᠬᠢᠷ ᠢ ᠭᠠᠳᠠᠬᠰᠢᠯᠠᠭᠤᠯᠬᠤ᠂ ᠨᠡᠶᠢᠳᠡ ᠶᠢᠨ ᠲᠤᠯᠠᠭᠠᠯᠭ᠎ᠠ᠂ ᠨᠤᠭᠤᠭᠠᠷᠠᠭᠤᠯᠤᠯᠳᠠ | ᠵᠡᠷᠭᠡ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰ ᠵᠢᠯ ᠤᠷᠤᠨ ᠤ ᠲᠡᠰ ᠤᠨ | ᠠᠵᠤ ᠦᠢᠯᠡᠳᠪᠦᠷᠢ ᠶᠢᠨ ᠲᠤᠭᠤᠷᠢᠭ ᠢᠶᠠᠷ ᠲᠡᠰ ᠲᠡᠪᠰᠢᠭᠦᠯᠦᠨ ᠡᠷᠡᠮᠡᠯᠵᠡᠯᠡᠨ ᠮᠡᠳᠡᠭᠦᠯᠬᠦ ᠪᠠᠷ ᠴᠢᠷᠮᠠᠶᠢᠵᠤ᠂ ᠶᠤᠸᠠᠨ | ᠤ ᠲᠡᠭᠡᠳᠦ ᠨᠠᠶᠢᠰᠯᠠᠯ ᠤᠨ ᠦᠨᠳᠦᠰᠦᠳᠡᠨ ᠤ ᠰᠤᠶᠤᠯ ᠤᠨ ᠤᠨᠴᠠᠯᠢᠬᠳᠤ ᠠᠵᠤ ᠦᠢᠯᠡᠰ ᠤᠨ ᠲᠤᠭᠤᠷᠢᠭ ᠤᠨ | ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠨᠡᠩ ᠤᠯᠠᠨ ᠠᠵᠤ ᠠᠬᠤᠶᠢᠯᠠᠯ ᠢ ᠲᠠᠳᠠᠨ ᠰᠠᠭᠤᠷᠢᠰᠢᠭᠤᠯᠬᠤ ᠪᠠᠷ | ᠴᠢᠷᠮᠠᠶᠢᠨ᠎ᠠ᠃ ᠭᠤᠤᠯᠳᠠᠯᠭ᠎ᠠ ᠲᠠᠢ ᠲᠦᠰᠦᠯ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠡᠨᠡ ᠵᠢᠯ ᠮᠠᠨ ᠤ ᠬᠤᠰᠢᠭᠤ ᠨᠢ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠲᠦᠰᠦᠯ ᠢ 81 ᠵᠤᠷᠪᠤᠰ | ᠠᠬᠢᠭᠤᠯᠬᠤ ᠪᠠᠷ ᠲᠦᠯᠦᠪᠯᠡᠵᠦ᠂ ᠡᠭᠦᠨ ᠳᠤ ᠭᠤᠤᠯᠳᠠᠯᠭ᠎ᠠ ᠲᠠᠢ ᠲᠦᠰᠦᠯ 40 ᠵᠤᠷᠪᠤᠰ ᠪᠠᠶᠢᠵᠤ᠂ 39.1 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ ᠪᠤᠢ᠃ ᠭᠠᠵᠠᠷ ᠤᠨ ᠲᠡᠰ ᠤᠨ ᠤᠳᠤᠷᠢᠳᠬᠤ | ᠺᠠᠳ᠋ᠷ ᠭᠤᠤᠯᠳᠠᠯᠭ᠎ᠠ ᠲᠠᠢ ᠲᠦᠰᠦᠯ ᠲᠠᠢ ᠬᠠᠷᠢᠯᠴᠠᠬᠤ ᠠᠵᠢᠯ ᠤᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ | ᠲᠦᠰᠦᠯ` ᠤᠨ ᠠᠵᠢᠯ ᠤᠨ ᠴᠠᠭ ᠢ ᠲᠤᠩᠭᠤᠷᠠᠭᠤ ᠵᠢᠬᠰᠠᠭᠠᠨ᠂ ᠬᠦᠢᠴᠡᠳᠭᠡᠯ ᠨᠤᠷᠮ᠎ᠠ ᠶᠢ ᠬᠡᠷᠡᠮ ᠲᠡᠭᠡᠷ᠎ᠡ ᠭᠠᠷᠭᠠᠬᠤ | ᠶᠢ ᠪᠠᠷᠢᠮᠳᠠᠯᠠᠨ᠎ᠠ᠃ ᠱᠠᠩᠳᠤ ᠴᠠᠬᠢᠯᠭᠠᠨ ᠦᠢᠯᠡᠳᠪᠦᠷᠢ ᠶᠢᠨ ᠲᠦᠷᠪᠡᠳᠦᠭᠡᠷ ᠬᠤᠭᠤᠴᠠᠭᠠᠨ ᠤ ᠲᠦᠰᠦᠯ ᠢ ᠤᠯᠤᠰ | ᠤᠨ ︽ᠠᠷᠪᠠᠨ ᠭᠤᠷᠪᠠᠳᠤᠭᠠᠷ ᠲᠠᠪᠤᠨ ᠵᠢᠯ ᠤᠨ ᠴᠠᠬᠢᠯᠭᠠᠨ ᠡᠭᠦᠰᠬᠡᠭᠴᠢ ᠴᠡᠭ ᠤᠨ ᠬᠦᠭᠵᠢᠯᠳᠡ ᠶᠢᠨ | ᠲᠦᠯᠦᠪᠵᠢᠭᠦᠯᠭᠡ︾ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ ᠴᠠᠬᠢᠯᠭᠠᠨ ᠲᠤᠤᠷ ᠤᠨ ᠲᠦᠯᠦᠪᠵᠢᠭᠦᠯᠭᠡ︾ | ᠳᠤ ᠤᠷᠤᠭᠤᠯᠬᠤ ᠪᠠᠷ ᠴᠢᠷᠮᠠᠶᠢᠨ᠂ ᠤᠯᠤᠰ ᠤᠨ ᠴᠠᠬᠢᠯᠭᠠᠨ ᠤ ᠯᠦᠩ ᠶᠤᠸᠠᠨ᠂ ᠬᠤᠸᠠ ᠶᠢ ᠰᠠᠯᠬᠢᠨ ᠴᠠᠬᠢᠯᠭᠠᠨ | ᠤ ᠬᠤᠶᠠᠳᠤᠭᠠᠷ ᠬᠤᠭᠤᠴᠠᠭ᠎ᠠ᠂ ᠵᠦᠩ ᠪᠤᠤ ᠰᠢᠨ᠎ᠡ ᠬᠡᠯᠪᠡᠷᠢ ᠶᠢᠨ ᠪᠤᠭᠤᠳᠠᠯ ᠤᠨ ᠮᠠᠲ᠋ᠧᠷᠢᠶᠠᠯ᠂ ᠹᠦ᠋ ᠶᠠᠩ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠰᠦᠯ ᠤᠨ ᠪᠦᠳᠦᠭᠡᠨ ᠪᠠᠶᠢᠭᠤᠯᠤᠯᠳᠠ ᠪᠠᠨ ᠡᠬᠢᠯᠡᠭᠦᠯᠬᠦ ᠶᠢ | ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ | ᠨᠡᠮᠡᠭᠳᠡᠭᠦᠯᠵᠦ᠂ ᠲᠤᠰ ᠵᠢᠯ ᠳᠤ 33 ᠳ᠋ᠦᠩᠰᠢᠭᠤᠷ ᠲᠦᠭᠦᠷᠢᠭ ᠤᠨ ᠠᠶᠢᠮᠠᠭ ᠤᠨ ᠭᠠᠳᠠᠨᠠᠬᠢ ᠪᠡᠯᠡ ᠮᠦᠩᠭᠦ ᠶᠢ | ᠲᠠᠳᠠᠨ ᠤᠷᠤᠭᠤᠯᠬᠤ ᠪᠠᠷ ᠴᠢᠷᠮᠠᠶᠢᠨ᠎ᠠ᠃ ᠨᠡᠩ ᠲᠡᠭᠦᠯᠳᠡᠷᠵᠢᠭᠰᠡᠨ ᠰᠠᠭᠤᠷᠢ ᠲᠦᠬᠦᠭᠡᠷᠦᠮᠵᠢ ᠶᠢᠨ ᠪᠠᠳᠤᠯᠠᠭ᠎ᠠ ᠶᠢᠨ | ᠰᠢᠰᠲ᠋ᠧᠮ ᠢ ᠪᠠᠶᠢᠭᠤᠯᠤᠨ᠎ᠠ᠃ ᠴᠠᠬᠢᠯᠭᠠᠨ ᠲᠤᠤᠷ ᠢ ᠲᠠᠰ ᠲᠡᠪᠰᠢᠭᠦᠯᠦᠨ ᠦᠭᠡᠷᠡᠴᠢᠯᠡᠬᠦ ᠪᠠ ᠱᠠᠩᠳᠤ ᠪᠠᠯᠭᠠᠰᠤᠨ ᠤ | 110 ᠺᠢᠯᠤᠸᠤᠯᠲ ᠤᠨ ᠬᠦᠴᠦᠳᠡᠯ ᠦᠭᠡᠷᠡᠴᠢᠯᠡᠬᠦ ᠦᠷᠳᠡᠭᠡ ᠶᠢ ᠦᠷᠭᠡᠳᠭᠡᠨ ᠪᠠᠶᠢᠭᠤᠯᠬᠤ ᠵᠡᠷᠭᠡ ᠴᠠᠬᠢᠯᠭᠠᠨ | ᠬᠦᠴᠦᠨ ᠤ ᠲᠦᠰᠦᠯ ᠢ ᠠᠬᠢᠭᠤᠯᠵᠤ᠂ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠤᠨ ᠲᠠᠪᠬᠤᠷ ᠱᠤᠭᠤᠮ ᠢ | ᠡᠨᠡ ᠵᠢᠯ ᠪᠠᠶᠢᠭᠤᠯᠵᠤ ᠲᠠᠭᠤᠰᠬᠠᠨ ᠠᠰᠢᠬᠯᠠᠯᠳᠠ ᠳᠤ ᠤᠷᠤᠭᠤᠯᠤᠨ᠂ ᠬᠠᠪᠢᠷᠭ᠎ᠠ ᠠᠴᠠ ᠰᠢᠯᠤᠭᠤᠨ ᠬᠦᠪᠡᠭᠡᠳᠦ | ᠴᠠᠭᠠᠨ ᠬᠤᠰᠢᠭᠤ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠡᠬᠢᠯᠡᠭᠦᠯᠬᠦ | ᠶᠢᠨ ᠬᠠᠮᠳᠤ ᠱᠠᠩᠳᠤ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ᠂ ᠰᠢᠯᠢᠩᠬᠤᠳᠠ ᠠᠴᠠ ᠴᠢᠭᠤᠯᠤᠯᠳᠤ | ᠬᠠᠭᠠᠯᠭ᠎ᠠ ᠬᠦᠷᠬᠦ ᠲᠦᠷᠭᠡᠨ ᠤ ᠲᠡᠮᠦᠷ ᠵᠠᠮ ᠤᠨ ᠲᠦᠰᠦᠯ ᠤᠨ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠬᠦ | ᠶᠢ ᠠᠬᠢᠭᠤᠯᠤᠨ᠎ᠠ᠃ ᠪᠡᠯᠡ ᠬᠤᠷᠠᠮᠳᠤᠭᠤᠯᠬᠤ ᠬᠡᠯᠪᠡᠷᠢ ᠮᠠᠶ᠋ᠢᠭ ᠢ ᠰᠢᠨᠡᠴᠢᠯᠡᠨ᠎ᠡ᠃ ᠠᠵᠤ ᠠᠬᠤᠶᠢᠯᠠᠯ ᠤᠨ | ᠢᠳᠡᠭᠡᠮᠵᠢᠳᠦ ᠰᠢᠰᠲ᠋ᠧᠮ ᠢ ᠪᠠᠶᠢᠭᠤᠯᠤᠨ᠂ ︽ᠬᠠᠷᠢᠯᠴᠠᠨ ᠬᠠᠪᠰᠤᠷᠤᠯᠴᠠᠬᠤ ᠪᠠᠳᠤᠯᠠᠭᠠᠳᠤ ᠵᠢᠭᠡᠯᠡᠯᠭᠡ︾ ᠵᠡᠷᠭᠡ | ᠮᠦᠩᠭᠦᠨ ᠭᠦᠢᠯᠭᠡᠭᠡᠨ ᠤ ᠲᠤᠬᠠᠶᠢᠯᠠᠬᠰᠠᠨ ᠠᠵᠢᠯ ᠢ ᠰᠠᠶᠢᠳᠤᠷ ᠬᠢᠵᠦ ᠂ ᠮᠦᠩᠭᠦᠨ ᠭᠦᠢᠯᠭᠡᠭᠡᠨ ᠤ ᠪᠤᠳᠠᠳᠤ ᠠᠵᠤ | ᠠᠬᠤᠢ ᠶᠢᠨ ᠬᠦᠭᠵᠢᠯᠳᠡ ᠶᠢ ᠲᠡᠮᠵᠢᠬᠦ ᠶᠠᠰᠤ ᠴᠢᠨᠠᠷ ᠪᠠ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠠᠵᠤ | ᠠᠬᠤᠶᠢᠯᠠᠯ ᠤᠨ ᠵᠠᠬ᠎ᠠ ᠳᠤ ᠭᠠᠷᠬᠤ ᠭᠤᠷᠪᠠᠨ ᠵᠢᠯ ᠤᠨ ᠲᠦᠯᠦᠪᠯᠡᠭᠡ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ | ︽ᠰᠢᠨ᠎ᠡ ᠭᠤᠷᠪᠠᠨ ᠲᠠᠪᠴᠠᠩ︾ ᠤᠨ ᠫᠠᠶᠢᠰᠠ ᠡᠯᠭᠦᠭᠦ ᠶᠢ ᠵᠤᠷᠢᠬᠵᠢᠭᠤᠯᠤᠨ᠎ᠠ︔ ᠵᠠᠰᠠᠭ ᠤᠨ ᠤᠷᠳᠤᠨ ᠤ ᠪᠡᠯᠡ | ᠤᠷᠤᠭᠤᠯᠤᠯᠳᠠ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠳᠤᠷᠠᠯᠴᠠᠬᠤ ᠬᠡᠯᠪᠡᠷᠢ ᠮᠠᠶ᠋ᠢᠭ ᠢ ᠰᠢᠨᠡᠴᠢᠯᠡᠨ᠂ | ᠬᠤᠰᠢᠭᠤ ᠲᠤᠭᠤᠷᠢᠭ ᠤᠨ ᠮᠦᠩᠭᠦᠨ ᠭᠦᠢᠯᠭᠡᠭᠡᠨ ᠤ ᠢᠨᠵᠧᠨᠧᠷᠢᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ | ᠲᠦᠰᠦᠯ ᠢ ᠠᠬᠢᠭᠤᠯᠵᠤ᠂ ᠶᠤᠸᠠᠨ ᠤ ᠲᠡᠭᠡᠳᠦ ᠨᠡᠶᠢᠰᠯᠡᠯ ᠤᠨ ᠰᠤᠶᠤᠯ ᠵᠢᠭᠤᠯᠴᠢᠯᠠᠯ ᠤᠨ ᠪᠡᠯᠡ ᠤᠷᠤᠭᠤᠯᠤᠯᠳᠠ | ᠶᠢᠨ ᠺᠤᠮᠫᠠᠨᠢ ᠵᠡᠷᠭᠡ ᠪᠡᠯᠡ ᠬᠤᠷᠠᠮᠳᠤᠭᠤᠯᠬᠤ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠡᠳ᠋ ᠤᠨ ᠵᠠᠰᠠᠭ ᠤᠨ | ᠪᠡᠯᠡ ᠮᠦᠩᠭᠦᠨ ᠤ ᠲᠠᠭᠠᠭᠤᠯᠬᠤ ᠦᠢᠯᠡᠳᠦᠯ ᠢ ᠦᠷᠭᠡᠳᠭᠡᠵᠦ᠂ ppp ᠶᠢᠨ ᠬᠡᠪ ᠵᠠᠭᠪᠤᠷ ᠢᠶᠠᠷ ᠵᠠᠰᠠᠭ ᠤᠨ | ᠤᠷᠳᠤᠨ ᠪᠤᠯᠤᠨ ᠨᠡᠶᠢᠭᠡᠮ ᠤᠨ ᠬᠦᠷᠦᠩᠬᠡ ᠶᠢᠨ ᠬᠠᠮᠳᠣᠷᠠᠯᠴᠠᠭ᠎ᠠ ᠶᠢ ᠠᠬᠢᠭᠤᠯᠵᠤ᠂ ᠨᠡᠶᠢᠭᠡᠮ ᠤᠨ ᠪᠡᠯᠡ | ᠤᠷᠤᠭᠤᠯᠤᠯᠳᠠ ᠶᠢᠨ ᠲᠠᠯᠳᠠ ᠴᠢᠳᠠᠪᠤᠷᠢ ᠶᠢ ᠤᠯᠠᠮ ᠨᠢᠬᠡ ᠠᠯᠬᠤᠮ ᠪᠠᠳᠠᠷᠠᠭᠤᠯᠤᠨ᠂ ᠨᠡᠩ ᠠᠷᠪᠢᠨ ᠨᠡᠶᠢᠭᠡᠮ ᠤᠨ | ᠬᠦᠷᠦᠩᠭᠡ ᠶᠢ ᠰᠠᠭᠤᠷᠢ ᠲᠦᠬᠦᠭᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠪᠠᠶᠢᠭᠤᠯᠤᠯᠳᠠ ᠳᠤ | ᠤᠷᠤᠭᠤᠯᠬᠤ ᠶᠢᠨ ᠬᠠᠮᠳᠤ ᠡᠯ᠎ᠡ ᠵᠦᠢᠯ ᠤᠨ ᠲᠦᠭᠰᠢᠭᠦᠷᠢ ᠶᠢᠨ ᠰᠤᠷᠪᠤᠯᠵᠢ ᠶᠢ ᠪᠠᠶᠢᠴᠠᠭᠠᠨ ᠰᠤᠳᠤᠯᠤᠨ | ᠮᠠᠭᠠᠳᠯᠠᠬᠤ ᠪᠠ ᠬᠢᠨᠠᠨ ᠬᠡᠮᠵᠢᠵᠦ ᠤᠷᠢᠳᠴᠢᠯᠡᠨ ᠰᠡᠷᠡᠮᠵᠢᠯᠡᠭᠦᠯᠬᠦ ᠶᠢ ᠴᠢᠩᠭᠠᠳᠬᠠᠨ᠂ ᠮᠦᠩᠭᠦᠨ ᠬᠦᠢᠯᠭᠡᠭᠡᠨ ᠤ | ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠵᠦ ᠨᠠᠮᠳᠠᠭᠤᠯᠤᠨ᠎ᠠ᠃ ᠠᠵᠤ ᠦᠢᠯᠡᠰ ᠤᠨ ᠲᠡᠰ ᠲᠡᠪᠰᠢᠯᠳᠡ ᠪᠠ | ᠰᠢᠨᠡᠴᠢᠯᠡᠯᠳᠡ ᠶᠢᠨ ᠬᠦᠳᠡᠯᠭᠡᠬᠦ ᠬᠦᠴᠦᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠵᠦᠷᠢᠶᠡᠳᠠᠢ᠂ | ᠨᠠᠷᠢᠯᠢᠭ ᠤᠨᠤᠪᠴᠢᠳᠠᠢ ᠠᠵᠤ ᠦᠢᠯᠡᠰ ᠤᠨ ᠲᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠤᠯᠠᠮᠵᠢᠯᠠᠯᠳᠤ ᠠᠵᠤ ᠦᠢᠯᠡᠰ ᠢ ᠦᠭᠡᠷᠡᠴᠢᠯᠡᠨ ᠲᠡᠰ ᠲᠡᠪᠰᠢᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ | ᠰᠢᠨ᠎ᠡ ᠪᠠᠷ ᠮᠠᠨᠳᠤᠬᠰᠠᠨ ᠠᠵᠤ ᠦᠢᠯᠡᠰ ᠢ ᠬᠦᠮᠦᠵᠢᠭᠦᠯᠦᠨ ᠪᠤᠵᠠᠭᠠᠶᠢᠷᠠᠭᠤᠯᠤᠨ᠎ᠠ᠃ ᠨᠡᠭᠦᠷᠡᠰᠦᠨ ᠨᠤᠨᠳᠠᠭ᠂ ᠬᠦᠬᠦᠷ | ᠠᠷᠢᠯᠭᠠᠬᠰᠠᠨ ᠵᠤᠭᠠᠩ ᠵᠡᠷᠭᠡ ᠠᠵᠤ ᠦᠢᠯᠡᠳᠪᠦᠷᠢ ᠶᠢᠨ ᠬᠠᠳᠠᠭᠤ ᠪᠡᠶᠡᠳᠦ ᠬᠠᠶᠠᠬᠳᠠᠮᠠᠯ ᠢ ᠶᠡᠷᠦᠩᠬᠡᠶᠢᠯᠡᠨ ᠨᠡᠭᠡᠭᠡᠨ | ᠠᠰᠢᠬᠯᠠᠬᠤ ᠪᠠᠷ ᠭᠤᠤᠯ ᠪᠤᠯᠭᠠᠬᠰᠠᠨ ᠤᠷᠴᠢᠯᠳᠤ ᠠᠵᠤ ᠠᠬᠤᠢ ᠶᠢᠨ ᠬᠦᠭᠵᠢᠯᠳᠡ ᠶᠢ ᠠᠬᠢᠭᠤᠯᠵᠤ᠂ | ᠲᠦᠬᠦᠭᠡᠷᠤᠮᠵᠢ ᠦᠢᠯᠡᠳᠬᠦ᠂ ᠪᠤᠬᠢᠷᠳᠤᠯ ᠦᠭᠡᠢ ᠴᠡᠪᠡᠷ ᠡᠨᠧᠷᠬᠢ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ | ᠨᠠᠷᠢᠯᠢᠭ ᠭᠦᠨ ᠡᠳ᠋ᠰᠢᠭᠦᠯᠬᠦ ᠵᠡᠷᠭᠡ ᠠᠵᠤ ᠠᠬᠤᠶᠢᠯᠠᠯ ᠢ ᠢᠳᠡᠪᠬᠢᠳᠠᠢ ᠲᠠᠳᠠᠨ ᠤᠷᠤᠭᠤᠯᠵᠤ᠂ ᠤᠯᠠᠮᠵᠢᠯᠠᠯᠳᠤ ᠠᠵᠤ | ᠦᠢᠯᠡᠰ ᠤᠨ ᠦᠷᠢᠰᠦᠯᠳᠦᠬᠦ ᠬᠦᠴᠦᠨ ᠢ ᠲᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠲᠠᠯ᠎ᠠ ᠪᠠᠷ | ᠬᠢ ᠤᠷᠤᠭᠤᠯᠤᠯᠳᠠ ᠪᠠᠨ ᠨᠡᠮᠡᠭᠳᠡᠭᠦᠯᠬᠦ ᠶᠢ ᠵᠤᠷᠢᠬᠵᠢᠭᠤᠯᠤᠨ᠂ ᠤᠷᠤᠨ ᠤ ᠳᠣᠳᠣᠨ᠎ᠠ ᠭᠠᠳᠠᠨᠠᠬᠢ ᠶᠡᠭᠡ ᠲᠡᠭᠡᠳᠦ | ᠰᠤᠷᠭᠠᠭᠤᠯᠢ ᠪᠤᠯᠤᠨ ᠡᠷᠳᠡᠮ ᠰᠢᠨᠵᠢᠯᠡᠭᠡᠨ ᠤ ᠬᠦᠷᠢᠶᠡᠯᠡᠩ ᠲᠠᠢ ᠬᠠᠮᠳᠤᠷᠠᠨ ᠠᠵᠢᠯᠯᠠᠬᠤ ᠬᠠᠷᠢᠴᠠᠭ᠎ᠠ ᠪᠠᠶᠢᠭᠤᠯᠬᠤ | ᠪᠠᠷ ᠴᠢᠷᠮᠠᠶᠢᠨ᠂ ᠵᠠᠩᠬᠢᠯᠠᠭ᠎ᠠ ᠶᠢᠨ ᠴᠢᠨᠠᠷᠳᠠᠢ ᠮᠡᠷᠭᠡᠵᠢᠯ ᠤᠨ ᠪᠤᠭᠤᠮᠳᠠ ᠰᠢᠪᠳᠤᠯᠬᠤ ᠪᠠ ᠬᠡᠷᠡᠭᠯᠡᠭᠡᠨ ᠤ ᠦᠷ᠎ᠡ | ᠪᠦᠳᠦᠮᠵᠢ ᠶᠢᠨ ᠬᠤᠪᠢᠷᠠᠭᠠᠯᠳᠠ ᠶᠢ ᠠᠬᠢᠭᠤᠯᠤᠨ᠎ᠠ ᠃ | (ᠲᠦᠷᠪᠡ)ᠰᠤᠶᠤᠯ ᠵᠢᠭᠤᠯᠴᠢᠯᠠᠯ ᠤᠨ ᠦᠢᠯᠡᠰ ᠢ ᠪᠦᠬᠦ ᠬᠦᠴᠦᠨ ᠢᠶᠠᠷ ᠢᠶᠠᠨ ᠬᠦᠭᠵᠢᠭᠦᠯᠵᠦ᠂ | ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠳᠠᠶᠢᠴᠢᠯᠠᠨ᠎ᠠ᠃ | ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠰᠣᠶᠣᠯ ᠤᠨ ᠨᠡᠷᠡᠳᠣ ᠳᠡᠮᠳᠡᠭ ᠡᠭᠦᠳᠬᠦ ᠳᠤ ᠰᠠᠭᠤᠷᠢᠯᠠᠨ᠂ | ︽ᠲᠠᠯ᠎ᠠ ᠨᠤᠳᠤᠭ ᠤᠨ ᠰᠤᠶᠤᠯ ᠤᠨ ᠤᠨᠴᠠᠯᠢᠭ ᠢ ᠬᠠᠷᠠᠭᠤᠯᠵᠤ᠂ ᠤᠮᠠᠷᠠᠳᠤ ᠬᠢᠯᠢ ᠶᠢᠨ ᠤᠨᠴᠠᠯᠢᠭ ᠢ | ᠪᠦᠷᠢᠯᠳᠦᠭᠦᠯᠦᠭᠰᠡᠨ ᠵᠢᠭᠤᠯᠴᠢᠯᠠᠯ ᠂ ᠠᠮᠠᠷᠠᠯᠳᠠ ᠰᠡᠯᠡᠬᠦᠴᠡᠯ ᠤᠨ ᠰᠠᠭᠤᠷᠢᠨ ᠭᠠᠵᠠᠷ︾ ᠢ ᠪᠦᠳᠦᠭᠡᠨ ᠪᠠᠶᠢᠭᠤᠯᠬᠤ | ᠦᠨᠳᠦᠷᠴᠡ ᠠᠴᠠ᠂ ᠰᠣᠶᠣᠯ ᠵᠢᠭᠤᠯᠴᠢᠯᠠᠯ ᠤᠨ ᠦᠢᠯᠡᠰ ᠢᠶᠠᠷ ᠳᠣᠯᠣᠭᠠᠶᠢᠯᠠᠭᠴᠢ ᠪᠤᠯᠭᠠᠭᠰᠠᠨ ᠣᠳᠣᠬᠢᠴᠢᠯᠠᠭᠰᠠᠨ | ᠦᠢᠯᠡᠴᠢᠯᠡᠭᠡᠨ ᠤ ᠦᠢᠯᠡᠰ ᠤᠨ ᠲᠦᠷᠭᠡᠨ ᠬᠦᠭᠵᠢᠯᠳᠡ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠲᠦᠰᠦᠯ | ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠰᠢᠯᠤᠭᠤᠨ ᠬᠦᠬᠡ ᠬᠤᠰᠢᠭᠤᠨ ᠤ ᠲᠡᠣᠭᠡᠨ | ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠵᠢᠴᠢ ᠵᠢᠭᠤᠯᠴᠢᠯᠠᠯ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠭᠦᠯᠭᠡ︾ | ᠪᠠ ︽ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠢᠵᠢ ᠪᠦᠷᠢᠳᠦᠭᠰᠡᠨ ᠲᠦᠬᠦᠭᠡᠷᠦᠮᠵᠢ ᠶᠢᠨ ᠦᠵᠡᠭᠦᠯᠦᠯᠭᠡ | ᠶᠢᠨ ᠪᠠᠷᠢᠯᠭ᠎ᠠ ᠶᠢᠨ ᠵᠢᠷᠤᠭ ᠲᠦᠯᠦᠪᠯᠡᠭᠡ︾ ᠶᠢ ᠪᠡᠶᠡᠯᠡᠭᠦᠯᠦᠨ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ | ᠣᠨᠴᠠᠯᠢᠭᠳᠣ ᠰᠣᠶᠣᠯ ᠤᠨ ᠠᠵᠤ ᠦᠢᠯᠡᠰ ᠤᠨ ᠪᠦᠰᠡ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ | ᠦᠵᠡᠮᠵᠢᠳᠦ ᠤᠷᠤᠨ ᠤ ᠬᠠᠮᠠᠭᠠᠯᠠᠯᠳᠠ ᠪᠠ ᠢᠵᠢ ᠪᠦᠷᠢᠳᠦᠭᠰᠡᠨ ᠲᠦᠬᠦᠭᠡᠷᠦᠮᠵᠢ ᠶᠢᠨ ᠪᠠᠶᠢᠭᠤᠯᠤᠯᠳᠠ ᠶᠢ | ᠭᠤᠤᠯᠳᠠᠯᠭ᠎ᠠ ᠲᠠᠢ ᠰᠠᠶᠢᠳᠤᠷ ᠠᠳᠬᠤᠵᠤ᠂ ᠤᠯᠠᠭᠠᠨᠳᠠᠢ ᠤᠪᠤᠭ᠎ᠠ ᠶᠢ ᠰᠡᠷᠭᠦᠭᠡᠨ᠂ ᠬᠤᠪᠢᠯᠠᠢ ᠺᠢᠨᠤ᠋ ᠲᠧᠯᠸᠢᠰ | ᠰᠡᠭᠦᠳᠡᠷᠯᠡᠬᠦ ᠲᠦᠰᠦᠯ ᠢ ᠭᠤᠤᠯᠳᠠᠯᠭ᠎ᠠ ᠲᠠᠢ ᠠᠬᠢᠭᠤᠯᠤᠨ᠂ ᠲᠧᠯᠸᠢᠰ ᠵᠦᠴᠦᠭᠡ ︽ᠬᠤᠪᠢᠯᠠᠢ︾ ᠶᠢ ᠡᠬᠢᠯᠡᠨ | ᠰᠡᠭᠦᠳᠡᠷᠯᠡᠵᠦ᠂ ᠶᠤᠸᠠᠨ ᠱᠠᠩ ᠲᠢᠶᠠᠨ ᠳ᠋ᠢ ᠦᠵᠡᠮᠵᠢᠳᠦ ᠤᠷᠤᠨ᠂ ᠱᠠᠩᠳᠤ ᠨᠠᠭᠤᠷ ᠠᠮᠢ ᠠᠬᠤᠢ ᠶᠢᠨ ᠵᠢᠭᠤᠯᠴᠢᠯᠠᠯ | ᠤᠨ ᠦᠵᠡᠮᠵᠢᠳᠦ ᠤᠷᠤᠨ᠂ ᠠᠽᠢᠶ᠎ᠠ ᠲᠢᠪ ᠤᠨ ᠪᠠ ᠬᠠ ᠬᠡᠬᠡᠷᠡᠯᠡᠨ ᠠᠶᠠᠯᠠᠬᠤ ᠮᠠᠰᠢᠨ ᠲᠡᠷᠭᠡᠨ ᠤ ᠬᠦᠴᠦᠨ | ᠵᠠᠯᠭᠠᠬᠤ ᠤᠷᠤᠯᠳᠤᠭᠠᠨ ᠵᠡᠷᠭᠡ ᠲᠦᠰᠦᠯ ᠢ ᠰᠢᠨ᠎ᠡ ᠠᠬᠢᠯᠳᠠ ᠲᠠᠢ ᠪᠤᠯᠭᠠᠵᠤ᠂ ᠰᠤᠶᠤᠯ ᠵᠢᠭᠤᠯᠴᠢᠯᠠᠯ ᠤᠨ | ᠲᠦᠰᠦᠯ ᠤᠨ ᠶᠡᠷᠦᠩᠬᠡᠢ ᠪᠡᠯᠡ ᠤᠷᠤᠭᠤᠯᠤᠯᠳᠠ ᠶᠢ 3.3 ᠳ᠋ᠦᠩᠰᠢᠭᠤᠷ ᠲᠦᠭᠦᠷᠢᠭ ᠠᠴᠠ ᠲᠡᠭᠡᠭᠰᠢ ᠳᠤ ᠬᠦᠷᠭᠡᠬᠦ | ᠪᠠᠷ ᠴᠢᠷᠮᠠᠶᠢᠨ᠎ᠠ᠃ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠤᠨ ᠢᠵᠢ ᠪᠦᠷᠢᠳᠦᠭᠰᠡᠨ ᠲᠦᠭᠦᠭᠡᠷᠦᠮᠵᠢ ᠶᠢ | ᠣᠯᠠᠮ ᠨᠢᠭᠡ ᠠᠯᠬᠤᠮ ᠲᠡᠭᠦᠯᠳᠡᠷᠵᠭᠦᠯᠦᠨᠡ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢᠳᠣ | ᠣᠷᠣᠨ ᠤ ᠵᠢᠭᠤᠯᠴᠢᠯᠠᠯ ᠤᠨ ᠲᠦᠪᠯᠡᠷᠡᠭᠦᠯᠵᠦ ᠲᠠᠷᠬᠠᠭᠠᠬᠤ ᠲᠦᠪ᠂ ᠠᠰᠠᠭᠤᠨ ᠯᠠᠪᠯᠠᠬᠤ ᠲᠦᠪ ᠪᠤᠯᠤᠨ | ᠦᠢᠯᠡᠴᠢᠯᠡᠭᠡᠨ ᠤ ᠲᠦᠪ ᠤᠨ ᠢᠵᠢ ᠪᠦᠷᠢᠳᠦᠭᠰᠡᠨ ᠪᠠᠶᠢᠭᠤᠯᠤᠯᠳᠠ ᠶᠢ ᠨᠡᠩ ᠲᠡᠭᠦᠯᠳᠡᠷᠵᠢᠭᠦᠯᠦᠨ᠂ ᠦᠵᠡᠮᠵᠢᠳᠦ | ᠤᠷᠤᠨ ᠤ ᠴᠢᠳᠠᠪᠬᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠬᠤᠪᠢᠰᠬᠠᠯ ᠤᠨ ᠰᠠᠭᠤᠷᠢᠨ | ᠭᠠᠵᠠᠷ ᠤᠨ ᠦᠵᠡᠮᠵᠢᠳᠣ ᠣᠷᠣᠨ᠂ ᠡᠯᠡᠰᠦᠨ ᠤ ᠪᠠᠶᠢᠭᠠᠯᠢ ᠶᠢᠨ ᠦᠵᠡᠮᠵᠢ ᠪᠠ ᠪᠠᠯᠠᠷ ᠣᠢ ᠶᠢᠨ ᠦᠵᠡᠮᠵᠢ ᠶᠢ | ᠳᠣᠬᠢᠷᠠᠯᠴᠠᠭᠤᠯᠤᠨ᠂ ᠪᠦᠷᠢᠨ ᠲᠡᠭᠦᠯᠳᠡᠷ ᠵᠢᠭᠤᠯᠴᠢᠯᠠᠯ ᠤᠨ ᠵᠠᠮ ᠱᠣᠭᠤᠮ ᠢ ᠡᠭᠦᠳᠴᠦ᠂ ︽ᠨᠢᠭᠡ ᠭᠤᠤᠯ ᠤᠯᠠᠨ | ᠴᠡᠭ︾ ᠪᠦᠬᠦᠢ ᠰᠤᠶᠤᠯ ᠵᠢᠭᠤᠯᠴᠢᠯᠠᠯ ᠤᠨ ᠪᠠᠶᠢᠷᠢᠰᠢᠯ ᠢ ᠪᠦᠷᠢᠯᠳᠦᠭᠦᠯᠦᠨ᠂ ᠪᠦᠬᠦ ᠵᠢᠯ ᠤᠨ ᠵᠢᠭᠤᠯᠴᠢᠳ ᠤᠨ | ᠲᠤᠭ᠎ᠠ ᠶᠢ 62 ᠲᠦᠮᠡᠨ ᠬᠦᠮᠦᠨ ᠤᠳᠠᠭ᠎ᠠ ᠶᠢ ᠲᠠᠪᠠᠭᠤᠯᠬᠤ ᠪᠠᠷ ᠴᠢᠷᠮᠠᠶᠢᠵᠤ᠂ 3.8 ᠳ᠋ᠦᠩᠰᠢᠭᠤᠷ ᠲᠦᠭᠦᠷᠢᠭ | ᠤᠨ ᠤᠷᠤᠯᠭ᠎ᠠ ᠡᠭᠦᠳᠦᠨ᠎ᠡ᠃ ᠡᠯᠡᠰᠦᠨ ᠵᠢᠷᠤᠭ᠂ ᠪᠤᠷᠭᠠᠰᠣᠨ ᠬᠦᠷᠦᠮᠠᠯ ᠵᠡᠷᠭᠡ ᠦᠨᠳᠦᠰᠦᠳᠡᠨ ᠤ ᠣᠨᠴᠠᠯᠢᠭᠳᠣ | ᠭᠠᠷ ᠣᠷᠠᠯᠠᠯ ᠤᠨ ᠪᠦᠳᠦᠭᠡᠭᠳᠡᠭᠦᠨ ᠤ ᠠᠵᠤ ᠠᠬᠤᠶᠢᠯᠠᠯ ᠤᠨ ᠬᠦᠭᠵᠢᠯᠳᠡ ᠶᠢ ᠪᠤᠵᠠᠭᠠᠶᠢᠷᠠᠭᠤᠯᠤᠨ᠎ᠡ︔ A ᠲᠡᠰ | ᠤᠨ ᠦᠵᠡᠮᠵᠢᠳᠣ ᠤᠷᠤᠨ᠂ ︽ᠮᠠᠯᠴᠢᠨ ᠠᠶᠢᠯ︾ ᠪᠠ ︽ᠭᠡᠷ ᠪᠦᠯᠢ ᠶᠢᠨ ᠪᠠᠭᠤᠳᠠᠯ︾ ᠤᠨ ᠡᠷᠡᠭᠦᠯ ᠬᠠᠮᠠᠭᠠᠯᠠᠯ | ᠤᠨ ᠲᠦᠬᠦᠭᠡᠷᠦᠮᠵᠢ ᠶᠢ ᠲᠡᠰ ᠲᠡᠪᠰᠢᠭᠦᠯᠦᠨ ᠦᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ | ᠵᠢᠭᠤᠯᠴᠢᠯᠠᠯ ᠤᠨ ᠠᠵᠢᠯ ᠦᠢᠯᠡᠰ ᠡᠷᠬᠢᠯᠡᠵᠦ ᠪᠠᠶᠢᠭ᠎ᠠ ᠬᠦᠮᠦᠰ ᠢ ᠪᠤᠯᠪᠠᠰᠣᠷᠠᠭᠤᠯᠬᠤ ᠡᠷᠴᠢᠮ ᠢ ᠴᠢᠩᠭᠠᠳᠬᠠᠵᠤ᠂ | ᠣᠬᠢ ᠰᠠᠶᠢᠨ ᠲᠦᠷᠢ ᠲᠦᠷᠬᠦ ᠶᠢ ᠪᠤᠢ ᠪᠤᠯᠭᠠᠨ᠎ᠠ᠃ ᠦᠢᠯᠡᠴᠢᠯᠡᠭᠡᠨ ᠤ ᠦᠢᠯᠡᠰ ᠤᠨ ︽ᠢᠨᠲ᠋ᠧᠷᠨ᠋ᠲ ᠰᠦᠯᠵᠢᠶ᠎ᠡ + | ︾ ᠶᠢᠨ ᠬᠡᠪ ᠵᠠᠬᠪᠤᠷ ᠢ ᠢᠳᠡᠪᠬᠢᠳᠠᠢ ᠠᠬᠢᠭᠤᠯᠤᠨ᠎ᠠ᠃ ᠶᠡᠭᠡ ᠲᠤᠭ᠎ᠠ ᠪᠠᠷᠢᠮᠳᠠ ᠶᠢᠨ ᠬᠦᠭᠵᠢᠯᠳᠡ ᠶᠢ ᠲᠦᠯᠦᠪᠯᠡᠭᠡ | ᠶᠢ ᠭᠡᠷᠡᠭᠵᠢᠭᠦᠯᠵᠦ᠂ ᠡᠯᠺᠧᠲᠷᠦᠨ ᠬᠤᠳᠠᠯᠳᠤᠭ᠎ᠠ ᠪᠠᠷ ᠰᠢᠨᠡᠴᠢᠯᠡᠯᠳᠡ ᠶᠢᠨ ᠴᠡᠭ ᠪᠤᠯᠭᠠᠨ᠂ ᠦᠢᠯᠡᠴᠢᠯᠡᠭᠡᠨ ᠤ | ᠦᠢᠯᠡᠰ ᠢ ᠲᠠᠶᠢᠴᠢᠯᠠᠨ ︽ᠢᠨᠲ᠋ᠧᠷᠨ᠋ᠲ ᠰᠦᠯᠵᠢᠶ᠎ᠡ +︾ ᠳᠤ ᠣᠷᠣᠭᠤᠯᠤᠨ᠎ᠠ᠃ ᠡᠯᠺᠧᠲᠷᠦᠨ ᠬᠤᠳᠠᠯᠳᠤᠭ᠎ᠠ ᠶᠢ | ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ | ᠲᠦᠰᠦᠯ ᠳᠤ ᠲᠦᠰᠢᠭᠯᠡᠨ᠂ ᠬᠤᠳᠠᠯᠳᠣᠭᠠᠨ ᠤ ᠶᠠᠪᠤᠳᠠᠯ᠂ ᠶᠠᠳᠠᠭᠤ ᠶᠢ ᠲᠡᠳᠬᠦᠬᠦ᠂ ᠬᠠᠩᠭᠠᠨ ᠪᠤᠷᠤᠯᠠᠭᠤᠯᠭ᠎ᠠ᠂ | ᠠᠵᠢᠯ ᠤᠯᠭᠤᠯᠳᠠ᠂ ᠰᠢᠤᠳᠠᠨ ᠵᠡᠷᠭᠡ ᠡᠬᠢ ᠪᠠᠶᠠᠯᠢᠭ ᠢ ᠪᠦᠳᠦᠮᠵᠢᠳᠠᠢ ᠨᠡᠶᠢᠯᠡᠭᠦᠯᠦᠨ᠂ ᠰᠤᠮᠤ ᠪᠠᠯᠭᠠᠰᠤ ᠲᠠᠯᠠᠪᠠᠢ | ᠶᠢᠨ ᠲᠤᠬᠢᠷᠠᠭᠤᠯᠤᠨ ᠬᠦᠷᠭᠡᠬᠦ ᠲᠦᠪ᠂ ᠭᠠᠴᠠᠭ᠎ᠠ ᠲᠤᠰᠬᠤᠨ ᠤ ᠦᠢᠯᠡᠴᠢᠯᠡᠭᠡᠨ ᠤ ᠲᠦᠪ ᠪᠠ ᠭᠤᠷᠪᠠᠨ ᠱᠠᠳᠤᠨ ᠤ | ᠪᠤᠳᠠᠰ ᠤᠨ ᠬᠦᠢᠯᠭᠡᠭᠡᠨ ᠤ ᠲᠤᠬᠢᠷᠠᠭᠤᠯᠤᠨ ᠬᠦᠷᠭᠡᠬᠦ ᠲᠦᠪ ᠤᠨ ᠳᠣᠭᠳᠠᠯᠴᠠᠭᠠᠨ ᠤ ᠪᠠᠶᠢᠭᠤᠯᠤᠯᠳᠠ ᠶᠢ | ᠲᠡᠭᠦᠯᠳᠡᠷᠵᠢᠭᠦᠯᠦᠨ᠎ᠡ︔ ᠲᠡᠭᠡᠭᠰᠢ ᠪᠤᠳᠠᠰ ᠤᠨ ᠭᠦᠢᠯᠬᠡᠬᠡᠨ ᠤ ᠲᠦᠷᠭᠡᠨ ᠲᠠᠮᠵᠢᠭᠤᠯᠭ᠎ᠠ ᠶᠢᠨ ᠡᠬᠢ ᠪᠠᠶᠠᠯᠢᠭ ᠢ | ᠨᠡᠶᠢᠯᠡᠭᠦᠯᠵᠦ᠂ ᠲᠤᠷᠤᠬᠰᠢ ᠦᠢᠯᠡᠴᠢᠯᠡᠭᠡᠨ ᠤ ᠵᠤᠬᠰᠤᠯᠳᠠ ᠴᠡᠭ ᠤᠨ ᠲᠤᠤᠷ ᠰᠦᠯᠵᠢᠶ᠎ᠡ ᠶᠢ ᠵᠤᠯᠭᠠᠯᠳᠤᠭᠤᠯᠤᠨ᠂ | ᠬᠤᠳᠠᠯᠳᠣᠭᠠᠨ ᠤ ᠦᠢᠯᠡᠰ ᠤᠨ ᠰᠢᠨ᠎ᠡ ᠶᠢ ᠡᠭᠦᠳᠦᠨ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ︔ ᠬᠢᠯᠢ | ᠠᠯᠤᠰᠯᠠᠭᠰᠠᠨ ᠡᠯᠧᠺᠲᠷᠣᠨ ᠬᠤᠳᠠᠯᠳᠣᠭᠠᠨ ᠤ ᠬᠦᠭᠵᠢᠯᠳᠡ ᠶᠢ ᠵᠤᠷᠢᠭᠵᠢᠭᠤᠯᠵᠤ᠂ ᠭᠠᠳᠠᠭᠠᠳᠣ ᠠᠵᠤ ᠠᠬᠤᠢ | ᠠᠷᠠᠯᠵᠢᠶᠠᠨ ᠤ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠠᠮᠢᠳᠣᠷᠠᠯ ᠤᠨ ᠴᠢᠨᠠᠷᠳᠠᠢ ᠦᠢᠯᠡᠴᠢᠯᠡᠭᠡᠨ ᠤ | ᠦᠢᠯᠡᠰ ᠤᠨ ᠪᠦᠬᠦᠶᠢᠯᠡ ᠴᠣᠭᠴᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠣᠭᠠᠨ ᠤ | ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳᠦᠷ ᠳᠣᠳᠣᠮ | ᠤᠨ ᠭᠡᠷᠡᠭᠯᠡᠭᠡᠨ ᠤ ᠪᠤᠳᠠᠰ ᠤᠨ ᠶᠡᠷᠦᠳᠡ ᠶᠢᠨ ᠬᠠᠩᠭᠠᠯᠭ᠎ᠠ ᠪᠠ ᠦᠨ᠎ᠡ ᠬᠠᠩᠰᠢ ᠶᠢᠨ ᠳᠣᠭᠳᠠᠪᠤᠷᠢᠳᠠᠢ ᠪᠠᠶᠢᠬᠤ ᠶᠢ | ᠪᠠᠳᠣᠯᠠᠵᠤ᠂ ᠬᠤᠳᠠ ᠬᠦᠳᠡᠭᠡ ᠶᠢᠨ ᠵᠠᠬ᠎ᠠ ᠲᠡᠯᠭᠡᠭᠦᠷ ᠢ ᠬᠦᠭᠵᠢᠭᠦᠯᠦᠨ᠂ ᠬᠤᠳᠠᠯᠳᠣᠭᠠᠨ ᠤ ᠶᠠᠪᠤᠳᠠᠯ ᠤᠨ ᠬᠠᠤᠯᠢ | ᠭᠡᠷᠡᠭᠵᠢᠭᠦᠯᠬᠦ ᠡᠷᠴᠢᠮ ᠢ ᠴᠢᠩᠭᠠᠳᠬᠠᠵᠤ᠂ ᠭᠡᠷᠡᠭᠯᠡᠭᠴᠢᠳ ᠤᠨ ᠠᠮᠣᠷ ᠲᠦᠪᠰᠢᠨ ᠢ ᠦᠨᠡᠨᠬᠦ ᠪᠠᠳᠣᠯᠠᠨ᠎ᠠ᠃ ᠮᠠᠯ | ᠲᠠᠷᠢᠶᠠᠯᠠᠩ ᠤᠨ ᠪᠦᠳᠦᠭᠡᠭᠳᠡᠭᠦᠨ ᠢ ᠰᠣᠯᠢᠯᠴᠠᠬᠤ ᠵᠠᠬ᠎ᠠ ᠲᠡᠯᠭᠡᠭᠦᠷ ᠤᠨ ᠪᠠᠶᠢᠭᠤᠯᠤᠯᠳᠠ ᠶᠢ ᠲᠦᠷᠭᠡᠳᠭᠡᠵᠦ᠂ ᠮᠢᠬ᠎ᠠ᠂ | ᠨᠣᠭᠤᠭ᠎ᠠ᠂ ᠬᠢᠳᠡᠳ ᠡᠮ᠂ ᠡᠪᠡᠰᠦᠨ ᠡᠮ ᠤᠨ ᠮᠦᠷᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠨᠤᠳᠤᠭ ᠤᠨ | ᠣᠨᠴᠠᠯᠢᠭᠳᠣ ᠨᠡᠷᠡᠳᠣ ᠳᠡᠮᠳᠡᠭ ᠤᠨ ᠦᠷᠢᠰᠦᠯᠳᠦᠬᠦ ᠬᠦᠴᠦᠨ ᠢ ᠲᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠪᠤᠳᠠᠰ | ᠤᠨ ᠭᠦᠢᠯᠭᠡᠭᠡ᠂ ᠰᠣᠶᠣᠯ ᠳᠠᠮᠢᠷ᠂ ᠨᠠᠭᠠᠳᠣᠮ ᠴᠠᠩᠭᠡᠯ᠂ ᠠᠳᠠᠯ ᠠᠬᠤᠢ᠂ ᠭᠡᠷ ᠤᠨ ᠶᠠᠪᠤᠳᠠᠯ ᠤᠨ ᠦᠢᠯᠡᠴᠢᠯᠡᠭᠡ | ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠠᠬᠢᠭᠤᠯᠵᠤ᠂ ᠭᠡᠷᠡᠭᠯᠡᠭᠡᠨ ᠤ | ᠪᠦᠳᠦᠴᠡ ᠶᠢᠨ ᠲᠡᠰ ᠲᠠᠪᠰᠢᠯᠳᠠ ᠶᠢ ᠳᠠᠶᠢᠴᠢᠯᠠᠨ᠎ᠠ︔ ᠨᠠᠰᠣᠳᠠᠨ ᠢ ᠠᠰᠠᠷᠠᠬᠤ ᠦᠢᠯᠡᠴᠢᠯᠡᠭᠡᠨ ᠤ ᠦᠢᠯᠡᠰ ᠢ | ᠬᠦᠭᠵᠢᠭᠦᠯᠵᠦ᠂ ᠨᠠᠶᠢᠭᠡᠮ ᠨᠠᠶᠢᠳᠠ ᠠᠴᠠ ᠪᠡᠯᠡ ᠣᠷᠣᠭᠤᠯᠤᠨ ᠨᠠᠰᠣᠳᠠᠨ ᠢ ᠠᠰᠠᠷᠠᠬᠤ ᠪᠠᠶᠢᠭᠤᠯᠤᠮᠵᠢ ᠶᠢ ᠡᠭᠦᠰᠭᠡᠨ | ᠪᠠᠶᠢᠭᠤᠯᠬᠤ ᠶᠢ ᠵᠤᠷᠢᠭᠵᠢᠭᠤᠯᠤᠨ᠎ᠡ᠃ ᠠᠮᠤ ᠪᠤᠳᠠᠭᠠᠨ ᠤ ᠠᠮᠤᠷ ᠲᠦᠪᠰᠢᠨ ᠢ ᠪᠠᠳᠣᠯᠠᠵᠤ᠂ ᠣᠯᠣᠰ ᠪᠠ ᠣᠷᠣᠨ | ᠨᠤᠳᠤᠭ ᠤᠨ ᠨᠦᠭᠡᠴᠡ ᠠᠮᠤ ᠶᠢ ᠬᠦᠮᠦᠷᠭᠡᠯᠡᠬᠦ ᠡᠭᠦᠷᠭᠡ ᠶᠢ ᠳᠣᠭᠳᠠᠭᠰᠠᠨ ᠴᠠᠭ ᠲᠠᠭᠠᠨ ᠪᠠᠶᠠᠯᠠᠭᠦᠯᠦᠨ᠎ᠡ᠃ | ︵ᠲᠠᠪᠤ︶ ᠦᠭᠡᠷᠡᠴᠢᠯᠡᠯᠳᠡ ᠶᠢᠨ ᠰᠢᠪᠳᠣᠯᠣᠯᠳᠠ ᠶᠢᠨ ᠬᠦᠴᠦᠯᠡᠴᠡ ᠶᠢ ᠴᠢᠩᠭᠠᠳᠬᠠᠵᠤ᠂ ᠦᠭᠡᠷᠡᠴᠢᠯᠡᠯᠳᠡ | ᠶᠢᠨ ᠠᠷᠭ᠎ᠠ ᠬᠡᠮᠵᠢᠶ᠎ᠠ ᠶᠢ ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠣᠯᠠᠨ᠎ᠠ᠃ | ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠰᠠᠭ ᠢ ᠴᠣᠮᠬᠠᠳᠬᠠᠨ ᠡᠷᠭᠡ ᠶᠢ | ᠳᠠᠯᠪᠢᠬᠤ᠂ ᠦᠨ᠎ᠡ ᠬᠠᠩᠰᠢ ᠶᠢᠨ ᠵᠠᠬ᠎ᠠ ᠲᠡᠯᠭᠡᠭᠦᠷᠴᠢᠯᠡᠯᠳᠡ᠂ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡ᠂ | ᠮᠠᠯᠵᠢᠬᠤ ᠲᠠᠷᠢᠶᠠᠯᠠᠬᠤ ᠤᠷᠤᠨ᠂ ᠬᠤᠳᠠ ᠶᠢᠨ ᠬᠠᠮᠢᠶᠠᠷᠣᠯᠳᠠ ᠶᠢᠨ ᠪᠠᠶᠢᠭᠤᠯᠤᠮᠵᠢ ᠵᠢᠴᠢ ᠰᠣᠷᠭᠠᠨ ᠬᠦᠮᠦᠵᠢᠯ ᠡᠮ | ᠡᠮᠨᠡᠯᠭᠡ᠂ ᠨᠠᠰᠣᠵᠢᠯ ᠤᠨ ᠳᠠᠭᠠᠳᠬᠠᠯ ᠵᠡᠷᠭᠡ ᠬᠦᠷᠢᠶᠠᠨ ᠳᠠᠬᠢ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠰᠠᠶᠢᠳᠣᠷ | ᠨᠠᠶᠢᠳᠠᠪᠤᠷᠢᠵᠢᠭᠤᠯᠵᠤ᠂ ᠳᠣᠭᠳᠠᠭᠤᠨ ᠨᠡᠮᠡᠭᠳᠡᠯ᠂ ᠪᠦᠳᠦᠴᠡ ᠶᠢᠨ ᠳᠣᠬᠢᠷᠠᠭᠤᠯᠤᠯᠳᠠ᠂ ᠠᠷᠠᠳ ᠤᠨ ᠠᠮᠢᠳᠣᠷᠠᠯ ᠢ | ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠲᠠᠯ᠎ᠠ ᠪᠠᠷ ᠬᠢ ᠦᠭᠡᠷᠡᠴᠢᠯᠡᠯᠳᠡ ᠶᠢᠨ ᠴᠢᠬᠤᠯᠠ | ᠦᠢᠯᠡᠳᠦᠯ ᠢ ᠪᠠᠳᠠᠷᠠᠭᠤᠯᠵᠤ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠦᠭᠡᠷᠡᠴᠢᠯᠡᠯᠳᠡ ᠶᠢᠨ | ᠳᠣᠷᠰᠢᠯᠳᠠ ᠶᠢᠨ ᠴᠡᠭ ᠤᠨ ᠬᠡᠪᠴᠢᠶᠡᠨ ᠳᠤ ᠣᠷᠣᠬᠤ ᠪᠠᠷ ᠴᠢᠷᠮᠠᠶᠢᠵᠤ᠂ ᠤᠷᠢᠳᠡᠪᠡᠷ ᠭᠡᠷᠡᠭᠵᠢᠭᠦᠯᠵᠦ ᠣᠷᠢᠳᠡᠪᠡᠷ | ᠳᠣᠷᠰᠢᠬᠤ ᠶᠢ ᠵᠤᠷᠢᠭᠳᠠᠢ ᠪᠠᠷ ᠭᠡᠷᠡᠭᠵᠢᠭᠦᠯᠦᠨ᠂ ᠦᠭᠡᠷᠡᠴᠢᠯᠡᠯᠳᠡ ᠶᠢᠨ ᠠᠵᠠ ᠳᠣᠬᠢᠶᠠᠯ ᠢ ᠰᠠᠶᠢᠳᠣᠷ ᠠᠳᠬᠤᠨ᠎ᠠ᠃ | ᠦᠭᠡᠷᠡᠴᠢᠯᠡᠯᠳᠡ ᠶᠢᠨ ᠲᠠᠯ᠎ᠠ ᠪᠠᠷ ᠬᠢ ᠡᠭᠦᠷᠭᠡ ᠶᠢᠨ ᠰᠣᠳᠣᠯᠤᠨ ᠪᠠᠶᠢᠷᠢᠯᠠᠭᠤᠯᠤᠯᠳᠠ᠂ ᠳᠣᠬᠢᠷᠠᠭᠤᠯᠤᠨ ᠵᠠᠳᠠᠯᠤᠯᠳᠠ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠪᠠ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠪᠦᠬᠦ ᠶᠠᠪᠤᠴᠠ ᠶᠢ | ᠮᠦᠷᠳᠡᠬᠦ᠂ ᠪᠦᠬᠦ ᠶᠠᠪᠤᠴᠠ ᠶᠢ ᠬᠠᠷᠢᠭᠤᠴᠠᠬᠤ ᠪᠠ ᠳᠣᠣᠱᠳᠠᠢ ᠠᠳᠬᠤᠬᠤ ᠶᠢ ᠪᠠᠶᠠᠯᠡᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠲᠠᠷᠢᠶᠠᠯᠠᠩ ᠪᠤᠯᠤᠨ ᠠᠵᠤ ᠠᠬᠤᠶᠢᠯᠠᠯ ᠤᠨ | ᠠᠰᠢᠭ ᠳᠣᠰᠠ ᠶᠢ ᠬᠤᠯᠪᠤᠬᠤ ᠳᠣᠭᠳᠠᠴᠠᠯᠭᠠ ᠶᠢ ᠲᠡᠭᠦᠯᠳᠡᠷᠵᠢᠭᠦᠯᠵᠦ᠂ ᠠᠵᠤ ᠦᠢᠯᠡᠰᠵᠢᠭᠰᠡᠨ ᠡᠵᠡᠩᠨᠡᠯᠳᠡ | ᠳᠣᠮᠳᠠᠬᠢ ᠮᠠᠯᠴᠢᠨ ᠲᠠᠷᠢᠶᠠᠴᠢᠨ ᠤ ᠢᠳᠡᠪᠬᠢᠵᠢᠯ ᠢ ᠲᠡᠭᠡᠭᠰᠢᠯᠡᠭᠦᠯᠦᠨ᠎ᠡ᠃ ᠭᠡᠷ ᠪᠦᠯᠢ ᠶᠢᠨ ᠮᠠᠯᠵᠢᠯ ᠤᠨ ᠲᠠᠯᠠᠪᠠᠢ᠂ | ᠲᠤᠰᠬᠠᠢ ᠳᠣᠮᠣ ᠡᠷᠦᠬᠡ ᠪᠠ ᠮᠠᠯᠴᠢᠨ ᠲᠠᠷᠢᠶᠠᠴᠢᠨ ᠤ ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠳᠡ ᠶᠢᠨ | ᠭᠤᠤᠯ ᠴᠣᠭᠴᠠ ᠶᠢ ᠢᠳᠡᠪᠬᠢᠳᠠᠢ ᠬᠦᠮᠦᠵᠢᠭᠦᠯᠵᠦ᠂ ᠤᠯᠠᠨ ᠵᠦᠢᠯ ᠤᠨ ᠬᠡᠯᠪᠡᠷᠢ ᠮᠠᠶ᠋ᠢᠭ ᠤᠨ ᠵᠤᠬᠢᠰᠳᠠᠢ | ᠭᠡᠪᠴᠢᠶᠡᠵᠢᠭᠰᠡᠨ ᠡᠵᠡᠩᠨᠡᠯᠳᠡ ᠶᠢ ᠬᠦᠭᠵᠢᠭᠦᠯᠦᠨ᠎ᠡ᠃ ᠵᠠᠰᠠᠭ ᠪᠤᠯᠤᠨ ᠠᠵᠢᠯ ᠦᠢᠯᠡᠰ ᠢ ᠰᠠᠯᠭᠠᠬᠤ᠂ ᠨᠠᠶᠢᠭᠡᠮ | ᠪᠤᠯᠤᠨ ᠠᠵᠤ ᠠᠬᠤᠶᠢᠯᠠᠯ ᠢ ᠰᠠᠯᠭᠠᠬᠤ ᠴᠢᠭᠯᠡᠯᠳᠡ ᠶᠣᠰᠣᠭᠠᠷ᠂ ᠬᠠᠩᠭᠠᠨ ᠪᠤᠷᠣᠯᠠᠭᠤᠯᠬᠤ ᠬᠤᠷᠰᠢᠶᠠᠨ ᠤ | ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠠᠮᠢ ᠠᠬᠤᠢ ᠶᠢᠨ ᠬᠠᠮᠠᠭᠠᠯᠠᠯᠳᠠ ᠶᠢᠨ ᠬᠦᠷᠢᠶᠠᠨ ᠳᠠᠬᠢ | ᠦᠭᠡᠷᠡᠴᠢᠯᠡᠯᠳᠡ ᠶᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠦᠷᠢ ᠰᠢᠷᠢ ᠶᠢᠨ ᠬᠦᠰᠦᠨᠦᠭ ᠢ | ᠰᠢᠨᠵᠢᠯᠡᠭᠦ ᠣᠬᠠᠭᠠᠨᠴᠢ ᠪᠠᠷ ᠳᠣᠭᠤᠷᠪᠢᠵᠤ᠂ ᠣᠳᠣᠷᠢᠳᠬᠤ ᠺᠠᠳ᠋ᠷ ᠤᠨ ᠳᠣᠰᠢᠶᠠᠯ ᠠᠴᠠ ᠪᠠᠨ ᠰᠠᠯᠠᠬᠤ ᠦᠶᠡᠰ ᠤᠨ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠢᠨᠠᠨ ᠪᠤᠳᠣᠯᠳᠠ ᠶᠢ ᠨᠠᠶᠢᠳᠠᠪᠤᠷᠢᠵᠢᠭᠤᠯᠤᠨ᠎ᠠ︔ ᠪᠤᠬᠢᠷ ᠢ | ᠭᠠᠳᠠᠭᠰᠢᠯᠠᠭᠤᠯᠬᠤ ᠶᠢ ᠵᠦᠪᠰᠢᠶᠡᠷᠡᠬᠦ ᠪᠠ ᠪᠤᠬᠢᠷ ᠢ ᠭᠠᠳᠠᠭᠰᠢᠯᠠᠭᠤᠯᠬᠤ ᠡᠷᠭᠡ ᠶᠢ ᠲᠦᠯᠦᠪᠦᠷᠢᠳᠠᠢ ᠭᠡᠷᠡᠭᠯᠡᠬᠦ | ᠲᠦᠷᠢᠮ ᠢ ᠭᠡᠷᠡᠭᠵᠢᠭᠦᠯᠵᠦ᠂ ᠪᠤᠬᠢᠷ ᠢ ᠭᠠᠳᠠᠭᠰᠢᠯᠠᠭᠤᠯᠬᠤ ᠦᠪᠡᠷ ᠤᠨ ᠦᠷᠳᠡᠭ ᠢ ᠨᠡᠮᠡᠭᠳᠡᠭᠦᠯᠤᠨ᠂ ᠳᠠᠮᠫᠣᠷᠠᠭᠰᠠᠨ | ᠠᠵᠤ ᠠᠬᠤᠶᠢᠯᠠᠯ ᠤᠨ ᠭᠠᠳᠠᠭᠰᠢᠯᠠᠭᠤᠯᠤᠯᠳᠠ ᠶᠢ ᠪᠠᠭᠠᠰᠬᠠᠨ᠎ᠠ︔ ᠠᠮᠢ ᠠᠬᠤᠢ ᠶᠢᠨ ᠣᠷᠴᠢᠨ ᠳᠣᠭᠤᠷᠢᠨ ᠢ | ᠬᠤᠬᠢᠷᠠᠭᠤᠯᠬᠤ ᠬᠠᠷᠢᠭᠤᠴᠠᠯᠭ᠎ᠠ ᠶᠢ ᠦᠨᠢ ᠡᠭᠦᠷᠢᠳᠠ ᠨᠡᠭᠡᠮᠵᠢᠯᠡᠬᠦ ᠲᠦᠷᠢᠮ ᠪᠠ ᠣᠰᠣᠨ ᠤ ᠡᠬᠢ ᠰᠣᠷᠪᠤᠯᠵᠢ ᠶᠢᠨ | ᠴᠢᠩᠭ᠎ᠠ ᠲᠦᠷᠢᠮ ᠢ ᠭᠡᠷᠡᠭᠵᠢᠭᠦᠯᠦᠨ᠎ᠡ︔ ᠭᠠᠵᠠᠷ ᠰᠢᠨᠵᠢᠯᠡᠭᠡᠨ ᠤ ᠣᠷᠴᠢᠨ ᠳᠣᠭᠤᠷᠢᠨ ᠤ ᠬᠠᠮᠠᠭᠠᠯᠠᠯᠳᠠ ᠵᠠᠰᠠᠯᠳᠠ | ᠶᠢ ᠴᠢᠩᠭᠠᠳᠬᠠᠵᠤ᠂ ᠣᠯᠠᠨ ᠲᠦᠷᠦᠯ ᠵᠦᠢᠯ ᠤᠨ ᠭᠠᠵᠠᠷ ᠵᠦᠢ ᠶᠢᠨ ᠮᠡᠳᠡᠭᠡ ᠵᠠᠩᠬᠢ ᠶᠢᠨ ᠲᠡᠪᠴᠡᠩ ᠢ ᠪᠠᠶᠢᠭᠤᠯᠵᠤ | ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠮᠢᠶᠠᠷᠣᠯᠳᠠ ᠪᠠ ᠠᠰᠢᠭᠯᠠᠯᠳᠠ ᠶᠢᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ ᠃ ᠣᠯᠣᠰ ᠤᠨ ᠦᠮᠴᠢᠯᠡᠯᠳᠣ ᠣᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠪᠠ ᠬᠠᠮᠳᠣ | ᠶᠢᠨ ᠣᠢ ᠰᠢᠭᠤᠢ ᠶᠢᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠤ᠂ ᠦᠭᠡᠷᠡᠴᠢᠯᠡᠯᠳᠡ ᠶᠢᠨ | ᠡᠭᠦᠷᠭᠡ ᠶᠢ ᠳᠣᠭᠳᠠᠭᠰᠠᠨ ᠬᠤᠭᠤᠴᠠᠭᠠᠨ ᠳᠠᠭᠠᠨ ᠪᠠᠶᠠᠯᠡᠭᠦᠯᠬᠦ ᠶᠢ ᠪᠠᠳᠣᠯᠠᠨ᠎ᠠ᠃ ᠵᠠᠬ᠎ᠠ ᠲᠡᠯᠭᠡᠭᠦᠷᠵᠢᠭᠰᠡᠨ | ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠤᠨ᠎ᠠ᠃ ︽ᠣᠷᠢᠳᠡᠪᠡᠷ ᠳᠡᠮᠳᠡᠭ᠂ ᠳᠠᠷᠠᠭ᠎ᠠ ᠨᠢ ᠦᠨᠡᠮᠯᠡᠯ︾ ᠤᠨ | ᠦᠭᠡᠷᠡᠴᠢᠯᠡᠯᠳᠡ ᠶᠢ ᠠᠬᠢᠭᠤᠯᠵᠤ᠂ ︽ᠭᠤᠷᠪᠠᠨ ᠦᠨᠡᠮᠯᠡᠯ ᠢ ᠨᠢᠭᠡᠳᠣᠭᠦᠯᠬᠦ᠂ ᠨᠢᠭᠡ ᠦᠨᠡᠮᠯᠡᠯ ᠨᠢᠭᠡ ᠨᠤᠮᠧᠷ︾ ᠤᠨ | ᠳᠠᠩᠰᠠᠯᠠᠬᠤ ᠬᠡᠯᠪᠷᠢ ᠶᠢ ᠭᠡᠷᠡᠭᠵᠢᠭᠦᠯᠦᠨ᠎ᠡ᠃ ᠨᠠᠶᠢᠳᠠ ᠶᠢᠨ ᠦᠮᠴᠢᠯᠡᠯᠳᠣ ᠪᠤᠰᠣ ᠠᠵᠤ ᠠᠬᠤᠢ ᠶᠢ ᠪᠦᠬᠦ ᠬᠦᠴᠦᠨ | ᠢᠶᠠᠷ ᠢᠶᠠᠨ ᠬᠦᠭᠵᠢᠭᠦᠯᠵᠦ᠂ ᠠᠵᠤ ᠠᠬᠤᠶᠢᠯᠠᠯ ᠤᠨ ᠦᠪᠡᠷ ᠤᠨ ᠦᠷᠳᠡᠭ ᠢ ᠪᠠᠭᠤᠷᠠᠭᠤᠯᠬᠤ ᠠᠵᠢᠯᠯᠠᠭ᠎ᠠ ᠶᠢ | ᠬᠦᠨᠵᠡᠭᠡᠢ ᠦᠷᠨᠢᠭᠦᠯᠤᠨ᠂ ᠠᠯᠬᠤᠮ ᠶᠠᠪᠤᠴᠠ ᠶᠢ ᠴᠣᠮᠬᠠᠳᠭᠬᠠᠨ᠂ ᠵᠠᠬ᠎ᠠ ᠲᠡᠯᠭᠡᠭᠦᠷ ᠢ ᠦᠷᠭᠡᠳᠭᠡᠬᠦ ᠵᠡᠷᠭᠡ ᠲᠠᠯ᠎ᠠ | ᠪᠠᠷ ᠬᠢ ᠲᠡᠮᠵᠢᠯᠭᠡ ᠪᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠰᠣᠯᠢᠯᠴᠠᠭᠠᠨ ᠤ ᠦᠪᠡᠷ ᠤᠨ ᠦᠷᠳᠡᠭ ᠢ | ᠪᠠᠭᠤᠷᠠᠭᠤᠯᠵᠤ᠂ ᠵᠢᠵᠢᠭ ᠠᠵᠤ ᠠᠬᠤᠶᠢᠯᠠᠯ ᠤᠨ ᠦᠢᠯᠡᠰ ᠪᠤᠰᠬᠠᠬᠤ ᠣᠷᠮ᠎ᠠ ᠢ ᠬᠦᠭᠵᠢᠭᠡᠨ᠎ᠡ᠃ ᠭᠠᠳᠠᠭᠠᠳᠣ | ᠳᠣᠳᠣᠭᠠᠳᠣ ᠳᠠᠬᠢ ᠨᠡᠭᠡᠭᠡᠯᠳᠡ ᠪᠠᠨ ᠪᠦᠬᠦ ᠲᠠᠯ᠎ᠠ ᠪᠠᠷ ᠦᠷᠭᠡᠳᠭᠡᠨ᠎ᠡ᠃ ᠪᠡᠭᠡᠵᠢᠩ — ᠴᠢᠭᠤᠯᠤᠯᠳᠣ ᠬᠠᠭᠠᠯᠭ᠎ᠠ | ᠡᠪᠤᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠣᠭᠯᠠᠭᠠᠨ ᠢ ᠡᠷᠭᠢᠯᠡᠬᠦ ᠳᠣᠬᠢᠶᠠᠯ ᠢ ᠠᠰᠢᠭᠯᠠᠨ᠂ ᠮᠠᠨ ᠤ | ᠬᠤᠰᠢᠭᠤᠨ ᠤ ᠣᠷᠣᠨ ᠪᠠᠶᠢᠷᠢᠰᠢᠯ᠂ ᠵᠠᠮ ᠨᠡᠪᠳᠡᠷᠡᠭᠦᠯᠭᠡ ᠵᠡᠷᠭᠡ ᠲᠠᠯ᠎ᠠ ᠪᠠᠷ ᠬᠢ ᠳᠠᠪᠠᠭᠤᠯᠢᠭ ᠢ ᠪᠠᠳᠠᠷᠠᠭᠤᠯᠵᠤ᠂ | ᠬᠦᠷᠰᠢ ᠵᠡᠷᠭᠡᠯᠳᠡᠭᠡ ᠭᠠᠵᠠᠷ ᠣᠷᠣᠨ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠨ᠂ ᠦᠨᠳᠦᠷ ᠬᠢᠷᠢ ᠲᠦᠪᠰᠢᠨ | ᠲᠠᠢ ᠠᠵᠤ ᠦᠢᠯᠡᠰ ᠤᠨ ᠰᠢᠯᠵᠢᠯᠳᠠ ᠶᠢ ᠵᠠᠯᠭᠠᠮᠵᠢᠯᠠᠵᠤ᠂ ᠰᠣᠶᠣᠯ ᠤᠨ ᠠᠵᠤ ᠦᠢᠯᠡᠰ ᠤᠨ ᠲᠠᠪᠴᠡᠩ ᠤᠨ | ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠂ ᠣᠷᠣᠨ ᠤ ᠭᠠᠳᠠᠭᠰᠢ ᠪᠠ ᠬᠢᠯᠢ ᠠᠴᠠ ᠭᠠᠳᠠᠭᠰᠢ ᠬᠠᠮᠳᠣᠷᠠᠨ | ᠠᠵᠢᠯᠯᠠᠵᠤ᠂ ᠬᠠᠮᠳᠣ ᠳᠠᠭᠠᠨ ᠠᠰᠢᠭ ᠬᠦᠷᠳᠡᠬᠦ ᠬᠦᠭᠵᠢᠯᠳᠡ ᠶᠢᠨ ᠳᠣᠭᠳᠠᠯᠴᠠᠭ᠎ᠠ ᠶᠢ ᠭᠤᠤᠯᠳᠠᠯᠭ᠎ᠠ ᠲᠠᠢ | ᠠᠬᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠣᠷᠠᠯ ᠤᠨ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠣᠯᠠᠨ ᠨᠠᠶᠢᠳᠠ | ᠶᠢᠨ ᠦᠢᠯᠡᠴᠢᠯᠡᠭᠡ ᠪᠠ ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠬᠢᠷᠢ ᠲᠦᠪᠰᠢᠨ ᠢ ᠬᠦᠴᠦᠯᠡᠨ | ᠲᠡᠭᠡᠭᠰᠢᠯᠡᠭᠦᠯᠦᠨ᠎ᠡ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠲᠤᠳᠠᠬᠳᠠᠯ ᠢᠶᠠᠨ ᠨᠦᠬᠦᠪᠦᠷᠢᠯᠡᠬᠦ | ᠠᠰᠢᠭᠳᠠᠢ ᠲᠤᠬᠢᠶᠠᠯ ᠢ ᠠᠰᠢᠬᠯᠠᠵᠤ᠂ ᠬᠤᠳᠠ ᠬᠦᠳᠡᠭᠡ ᠶᠢᠨ ᠣᠷᠣᠨ ᠳᠣᠭᠤᠷᠢᠭ ᠢ ᠨᠢᠭᠡᠳᠣᠯᠳᠠᠢ ᠲᠦᠯᠦᠪᠵᠢᠭᠦᠯᠦᠨ | ᠬᠦᠭᠵᠢᠭᠦᠯᠬᠦ ᠶᠢ ᠠᠬᠢᠭᠤᠯᠤᠨ᠂ ᠨᠠᠶᠢᠭᠡᠮ ᠤᠨ ᠠᠷᠠᠳ ᠤᠨ ᠠᠮᠢᠳᠣᠷᠠᠯ ᠤᠨ ᠡᠯ᠎ᠡ ᠲᠦᠷᠦᠯ ᠤᠨ ᠠᠵᠢᠯ ᠦᠢᠯᠡᠰ ᠤᠨ | ᠵᠤᠬᠢᠴᠠᠩᠭᠤᠢ ᠳᠠᠪᠰᠢᠯᠳᠠ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠪᠦᠳᠦᠭᠡᠨ | ᠪᠠᠶᠢᠭᠤᠯᠤᠯᠳᠠ ᠶᠢ ᠠᠬᠢᠭᠤᠯᠤᠨ᠎ᠠ᠃ ᠱᠠᠩᠳᠣ ᠪᠠᠯᠭᠠᠰᠣ᠂ ᠰᠠᠩ ᠤᠨ ᠲᠠᠯᠠᠢ ᠪᠠᠯᠭᠠᠰᠣ᠂ ᠬᠠᠪᠢᠷᠭ᠎ᠠ ᠪᠠᠯᠭᠠᠰᠣᠨ ᠤ | ᠣᠷᠣᠨ ᠵᠠᠢ ᠶᠢᠨ ᠪᠠᠶᠢᠷᠢᠰᠢᠯ ᠪᠠ ᠴᠢᠳᠠᠪᠬᠢ ᠶᠢ ᠣᠯᠠᠮ ᠨᠢᠭᠡ ᠠᠯᠬᠤᠮ ᠳᠣᠬᠢᠷᠠᠭᠤᠯᠤᠨ ᠰᠢᠯᠢᠳᠡᠭᠵᠢᠭᠦᠯᠵᠤ᠂ | ᠬᠤᠲᠠ ᠪᠠᠯᠭᠠᠰᠤᠨ ᠤ ᠬᠦᠷᠢᠶ᠎ᠡ ᠬᠡᠪᠴᠢᠶ᠎ᠡ ᠪᠤᠯᠤᠨ ᠬᠠᠮᠠᠭᠠᠯᠠᠯᠲᠠ ᠶᠢᠨ ᠴᠢᠨᠠᠷᠲᠠᠢ ᠣᠷᠣᠨ ᠵᠠᠢ ᠶᠢ ᠵᠤᠬᠢᠰᠲᠠᠢ | ᠲᠤᠬᠳᠠᠭᠠᠨ᠂ ᠱᠠᠩᠳᠣ ᠪᠠᠯᠭᠠᠰᠣ ᠪᠠᠷ ᠲᠦᠪ ᠪᠤᠯᠭᠠᠨ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ᠂ ᠠᠵᠢᠯᠯᠠᠬᠤ | ᠪᠠ ᠵᠣᠭᠠᠴᠠᠬᠤ ᠳᠤ ᠲᠤᠬᠢᠷᠠᠮᠵᠢᠲᠠᠢ ᠣᠳᠤᠬᠢᠴᠢᠯᠠᠭᠰᠠᠨ ᠪᠤᠯᠪᠠᠰᠤᠨ ᠬᠤᠲᠠ ᠪᠠᠯᠭᠠᠰᠤ ᠶᠢ ᠪᠠᠶᠢᠭᠤᠯᠤᠨ᠎ᠠ᠃ ᠨᠡᠶᠢᠳᠡ | ᠶᠢᠨ ᠲᠤᠯᠠᠭᠠᠯᠭ᠎ᠠ᠂ ᠪᠤᠬᠢᠷ ᠢ ᠭᠠᠳᠠᠭᠰᠢᠯᠠᠭᠤᠯᠬᠤ ᠵᠡᠷᠭᠡ ᠭᠠᠵᠠᠷ ᠲᠤᠤᠷᠠᠬᠢ ᠬᠤᠭᠤᠯᠠᠢ ᠰᠤᠪᠠᠭ ᠤᠨ ᠪᠦᠳᠦᠭᠡᠨ | ᠪᠠᠶᠢᠭᠤᠯᠤᠯᠳᠠ ᠶᠢ ᠦᠷᠭᠦᠯᠵᠢᠯᠡᠨ ᠲᠡᠭᠦᠯᠳᠡᠷᠵᠢᠭᠦᠯᠵᠤ᠂ 34 ᠺᠢᠯᠤᠮᠧᠲᠷ ᠤᠨ ᠡᠯ᠎ᠡ ᠲᠦᠷᠦᠯ ᠤᠨ ᠬᠤᠭᠤᠯᠠᠢ | ᠰᠣᠪᠠᠭ ᠢ ᠦᠭᠡᠷᠡᠴᠢᠯᠡᠨ᠂ ᠬᠤᠳᠠ ᠪᠠᠯᠭᠠᠰᠣᠨ ᠤ ᠬᠠᠳᠠᠭᠤᠷᠠᠭᠤᠯᠤᠯᠳᠠ᠂ ᠭᠡᠷᠡᠯᠳᠦᠭᠦᠯᠭᠡ᠂ ᠨᠤᠭᠤᠭᠠᠷᠠᠭᠤᠯᠤᠯᠳᠠ᠂ | ᠭᠤᠶᠤᠵᠢᠭᠤᠯᠳᠠ ᠶᠢᠨ ᠠᠵᠢᠯ ᠢ ᠰᠠᠶᠢᠳᠣᠷ ᠪᠠᠶᠠᠯᠡᠭᠦᠯᠵᠦ᠂ 16 ᠲᠦᠮᠡᠨ ᠲᠡᠭᠰᠢ ᠲᠦᠷᠪᠡᠯᠵᠢᠨ ᠮᠧᠲᠷ ᠤᠨ ᠵᠠᠰᠠᠮᠠᠯ | ᠵᠠᠮ ᠢ ᠴᠡᠷᠳᠡᠵᠦ᠂ 6 ᠺᠢᠯᠤᠮᠧᠲᠷ ᠵᠠᠮ ᠤᠨ ᠬᠠᠵᠠᠭᠤᠳᠠᠬᠢ ᠲᠡᠪᠢᠰᠦᠭᠰᠡᠨ ᠨᠧᠲ᠋ᠤᠨ ᠳᠣᠭᠤᠰᠬ᠎ᠠ ᠶᠢ ᠰᠢᠨᠡᠳᠭᠡᠨ | ᠰᠣᠯᠢᠵᠤ᠂ ᠪᠢᠨ ᠾᠧ ᠡᠮᠦᠨ᠎ᠡ ᠵᠠᠮ ᠤᠨ ᠨᠤᠭᠤᠭᠠᠷᠠᠭᠤᠯᠤᠯᠳᠠ ᠪᠠ ᠵᠦᠯᠭᠡᠨ ᠴᠡᠴᠡᠷᠯᠢᠭ ᠤᠨ ᠭᠡᠷᠡᠯᠳᠦᠭᠦᠯᠭᠡ ᠶᠢ | ᠭᠦᠢᠴᠡᠳᠭᠡᠵᠦ᠂ ᠣᠪᠣᠭ᠎ᠠ ᠰᠢᠷᠡᠭᠡ ᠴᠡᠴᠡᠷᠯᠢᠭ ᠤᠨ ᠨᠤᠭᠤᠭᠠᠷᠠᠭᠤᠯᠤᠯᠳᠠ ᠶᠢ ᠲᠡᠰ ᠲᠡᠪᠰᠢᠭᠦᠯᠦᠨ ᠦᠭᠡᠷᠡᠴᠢᠯᠡᠪᠠ᠃ | ᠪᠠᠶᠢᠭᠤᠯᠤᠯᠳᠠ ᠪᠠ ᠬᠠᠮᠢᠶᠠᠷᠣᠯᠳᠠ ᠶᠢ ᠬᠠᠮᠳᠣ ᠳᠤᠨᠢ ᠴᠢᠬᠤᠯᠠᠴᠢᠯᠠᠬᠤ ᠶᠢ ᠪᠠᠷᠢᠮᠳᠠᠯᠠᠵᠤ᠂ ᠬᠤᠲᠠ ᠪᠠᠯᠭᠠᠰᠤᠨ ᠤ | ᠨᠠᠷᠢᠯᠢᠭᠵᠢᠭᠰᠡᠨ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠳᠠᠯ ᠠᠬᠤᠢ ᠶᠢᠨ ᠦᠢᠯᠡᠴᠢᠯᠡᠭᠡᠨ ᠤ | ᠬᠢᠷᠢ ᠲᠦᠪᠰᠢᠨ ᠢ ᠲᠡᠭᠡᠭᠰᠢᠯᠡᠭᠦᠯᠵᠦ᠂ ᠠᠷᠠᠳ ᠲᠦᠮᠡᠨ ᠤ ᠠᠮᠢᠳᠣᠷᠠᠯ ᠤᠨ ᠬᠢᠷᠢ ᠲᠦᠪᠰᠢᠨ ᠢ ᠦᠨᠡᠨᠬᠦ | ᠰᠠᠶᠢᠵᠢᠷᠠᠭᠤᠯᠤᠨ᠎ᠠ᠃ ᠳᠣᠳᠠᠭᠤ ᠳᠣᠷᠭᠤᠨ ᠪᠠᠷᠢᠭᠰᠠᠨ ᠠᠰᠠᠷ ᠢ ᠴᠡᠭᠴᠡᠯᠡᠨ ᠵᠠᠰᠠᠬᠤ ᠬᠦᠴᠦᠯᠡᠴᠡ ᠶᠢ ᠨᠡᠮᠡᠭᠳᠡᠭᠦᠯᠵᠦ | ᠂ ᠨᠢᠭᠡᠨᠳᠡ ᠪᠦᠳᠦᠭᠡᠨ ᠪᠠᠶᠢᠭᠤᠯᠤᠭᠰᠠᠨ ᠠᠰᠠᠷ ᠢ ᠵᠤᠬᠢᠰᠳᠠᠢ ᠪᠠᠷ ᠠᠰᠢᠭᠯᠠᠯᠳᠠ ᠳᠤ ᠣᠷᠣᠭᠤᠯᠵᠤ᠂ ᠭᠡᠷ ᠬᠦᠷᠦᠩᠭᠡ | ᠶᠢᠨ ᠦᠢᠯᠡᠰ ᠤᠨ ᠡᠷᠡᠭᠦᠯ ᠬᠦᠭᠵᠢᠯᠳᠡ ᠶᠢ ᠠᠬᠢᠭᠤᠯᠤᠨ᠎ᠠ᠃ ᠨᠠᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢ | ᠠᠬᠢᠭᠤᠯᠤᠨ᠎ᠠ᠃ ᠡᠨᠡ ᠵᠢᠯ ᠰᠠᠩ ᠤᠨ ᠲᠠᠯᠠᠢ ᠮᠤᠩᠭᠤᠯ ᠦᠨᠳᠦᠰᠦᠳᠡᠨ ᠤ ᠰᠤᠷᠭᠠᠭᠤᠯᠢ᠂ ᠬᠠᠪᠢᠷᠭ᠎ᠠ ᠪᠠᠭ᠎ᠠ | ᠰᠤᠷᠭᠠᠭᠤᠯᠢ᠂ ᠪᠤᠷᠤᠬᠤᠳᠠ ᠪᠠᠭ᠎ᠠ ᠰᠤᠷᠭᠠᠭᠤᠯᠢ ᠨᠢ ᠪᠠᠷᠢᠮᠵᠢᠶᠠᠵᠢᠭᠰᠠᠨ ᠰᠤᠷᠠᠭᠠᠭᠤᠯᠢ ᠶᠢᠨ ᠬᠢᠨᠠᠨ ᠰᠢᠯᠭᠠᠯᠳᠠ ᠶᠢ | ᠬᠦᠯᠢᠶᠡᠵᠦ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠱᠠᠳᠣᠨ ᠤ ᠰᠤᠷᠭᠠᠭᠤᠯᠢ ᠳᠤ ᠤᠷᠤᠬᠤ ᠨᠤᠷᠮ᠎ᠠ ᠶᠢ | 100% ᠳᠤ ᠳᠣᠭᠳᠠᠪᠤᠷᠢᠵᠢᠭᠤᠯᠤᠨᠠ︔ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠬᠢᠷᠢ | ᠲᠦᠪᠰᠢᠨ ᠢ ᠲᠡᠭᠡᠭᠰᠢᠯᠡᠭᠦᠯᠵᠦ᠂ ᠡᠨᠡ ᠵᠢᠯ ᠦᠪᠡᠷᠳᠡᠭᠡᠨ ᠵᠠᠰᠠᠬᠤ ᠤᠷᠤᠨ ᠤ ᠨᠢᠭᠡᠳᠦᠭᠡᠷ ᠳᠦᠷᠦᠯ ᠤᠨ ᠴᠡᠴᠡᠷᠯᠢᠭ | ᠪᠤᠯᠤᠨ ᠵᠢᠱᠢᠶ᠎ᠡ ᠦᠵᠡᠭᠦᠯᠬᠦ ᠴᠡᠴᠡᠷᠯᠢᠭ ᠢ ᠲᠤᠰᠪᠦᠷᠢ 1 ᠰᠠᠭᠤᠷᠢ ᠪᠠᠶᠢᠭᠤᠯᠤᠨ᠂ ᠠᠷᠠᠳ ᠠᠴᠠ ᠡᠷᠬᠢᠯᠡᠵᠤ ᠠᠯᠪᠠᠨ | ᠠᠴᠠ ᠳᠣᠰᠠᠯᠠᠬᠤ ᠬᠡᠯᠪᠡᠷᠢ ᠪᠠᠷ ᠵᠢᠭᠠᠰᠣᠳᠠᠢ ᠰᠣᠮᠣ᠂ ᠨᠠᠷᠠᠳᠣ ᠰᠣᠮᠣ ᠪᠠ ᠲᠠᠪᠦ ᠨᠢᠭᠡ ᠦᠷ᠎ᠡ ᠶᠢᠨ ᠮᠠᠯ ᠤᠨ ᠲᠠᠯᠠᠪᠠᠢ | ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠪᠦᠬᠦ ᠬᠤᠰᠢᠭᠤᠨ ᠤ ᠰᠣᠷᠬᠤ ᠨᠠᠰᠣᠨ ᠠᠴᠠ | ᠡᠮᠦᠨᠡᠬᠢ ᠰᠣᠷᠭᠠᠨ ᠬᠦᠮᠦᠵᠢᠯ ᠤᠨ ᠴᠡᠴᠡᠷᠯᠢᠭ ᠲᠤ ᠣᠷᠦᠬᠤ ᠨᠤᠷᠮ᠎ᠠ ᠶᠢ 88% ᠠᠴᠠ ᠲᠡᠭᠡᠭᠰᠢ ᠳᠤ ᠬᠦᠷᠭᠡᠨ᠎ᠡ︔ | ᠰᠤᠷᠭᠠᠨ ᠭᠦᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠡᠨ ᠵᠢᠯ ᠤᠨ ᠠᠵᠢᠯᠯᠠᠭᠠᠨ | ᠤ ᠲᠦᠯᠦᠪᠯᠡᠭᠡ ᠶᠢ ᠦᠷᠬᠦᠯᠵᠢᠯᠠᠨ ᠭᠡᠷᠡᠭᠵᠢᠭᠦᠯᠵᠦ᠂ ᠮᠣᠩᠭᠤᠯ ᠳᠣᠮᠳᠠᠳᠣ ᠰᠣᠷᠭᠠᠭᠤᠯᠢ ᠨᠢ ᠦᠨᠳᠦᠰᠦᠳᠡᠨ ᠤ | ᠰᠤᠷᠭᠠᠨ ᠬᠦᠮᠦᠵᠢᠯ ᠤᠨ ᠰᠢᠯᠢᠳᠡᠭ ᠰᠤᠷᠭᠠᠭᠤᠯᠢ ᠶᠢ ᠡᠭᠦᠳᠦᠨ᠂ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠭᠢ | ᠳᠤ ᠰᠢᠯᠭᠠᠨ ᠣᠷᠣᠬᠤ ᠨᠤᠷᠮ᠎ᠠ ᠶᠢ 43% ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠳᠡ ᠪᠤᠯᠤᠨ ᠡᠮ ᠡᠮᠨᠡᠯᠭᠡ ᠶᠢᠨ | ᠲᠠᠭᠠᠳᠬᠠᠯ ᠤᠨ ᠲᠠᠩᠰᠠᠨ ᠠᠴᠠ ᠲᠠᠶᠢᠯᠬᠤ ᠬᠡᠯᠪᠡᠷᠢ ᠮᠠᠶ᠋ᠢᠭ ᠤᠨ ᠦᠭᠡᠷᠡᠴᠢᠯᠡᠯᠳᠡ ᠶᠢ ᠠᠬᠢᠭᠤᠯᠵᠤ᠂ ︽ᠵᠢᠵᠢᠭ ᠡᠮ | ᠤᠨ ᠬᠠᠶᠢᠷᠴᠠᠭ︾ ᠤᠨ ᠲᠦᠭᠡᠮᠡᠯᠵᠢᠭᠦᠯᠦᠯᠳᠡ ᠶᠢ ᠪᠠᠶᠠᠯᠡᠭᠦᠯᠤᠨ᠂ ᠡᠮ ᠡᠮᠨᠡᠯᠭᠡ ᠶᠢᠨ ᠬᠠᠶᠠᠬᠳᠠᠮᠠᠯ ᠪᠤᠳᠠᠰ ᠢ ᠬᠤᠤᠷ | ᠦᠭᠡᠢ ᠰᠢᠢᠳᠪᠦᠷᠢᠯᠡᠬᠦ ᠲᠦᠰᠦᠯ ᠢ ᠡᠬᠢᠯᠡᠨ ᠬᠡᠷᠡᠭᠵᠢᠭᠦᠯᠵᠤ᠂ ᠮᠤᠩᠭᠤᠯ ᠬᠢᠳᠠᠳ ᠡᠮ ᠡᠮᠨᠡᠯᠭᠡ ᠶᠢᠨ ᠪᠠᠶᠢᠭᠤᠯᠤᠮᠵᠢ | ᠶᠢᠨ ᠰᠠᠭᠤᠷᠢ ᠲᠥᠬᠦᠭᠡᠷᠦᠮᠵᠢ ᠪᠤᠯᠤᠨ ᠰᠤᠷᠠᠭ ᠵᠠᠩᠭᠢᠵᠢᠭᠰᠠᠨ ᠡᠮᠨᠡᠯᠭᠡ ᠶᠢᠨ ᠬᠤᠷᠢᠶᠠᠨ ᠤ ᠪᠠᠷᠢᠮᠵᠢᠶᠠᠵᠢᠭᠰᠠᠨ | ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠰ ᠤᠨ ᠡᠷᠡᠭᠦᠯ | ᠬᠦᠭᠵᠢᠯᠳᠠ ᠶᠢ ᠲᠡᠮᠵᠢᠵᠦ᠂ ᠬᠤᠶᠠᠷ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠬᠦᠮᠦᠨ ᠠᠮᠠ ᠶᠢᠨ ᠨᠠᠰᠣᠵᠢᠬᠤ ᠶᠢ ᠠᠷᠭᠠᠴᠠᠭᠠᠬᠤ ᠠᠵᠢᠯᠯᠠᠭ᠎ᠠ ᠶᠢ ᠦᠷᠨᠢᠭᠦᠯᠵᠦ᠂ | ᠡᠮᠡᠭᠳᠠᠶᠢᠴᠣᠳ ᠪᠠ ᠨᠠᠰᠣᠨ ᠳᠤ ᠦᠯᠦ ᠬᠦᠷᠦᠭᠰᠡᠳ ᠤᠨ ᠡᠷᠭᠡ ᠠᠰᠢᠭ ᠢ ᠪᠠᠳᠣᠯᠠᠨ᠂ ᠵᠡᠮᠳᠡᠭᠴᠣᠳ ᠢ ᠲᠡᠳᠬᠦᠨ | ᠳᠡᠮᠵᠢᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠤᠯᠭᠤᠯᠳᠠ᠂ ᠦᠢᠯᠡᠰ ᠪᠤᠰᠬᠠᠯᠳᠠ ᠪᠠ | ᠨᠠᠶᠢᠭᠡᠮ ᠤᠨ ᠪᠠᠳᠣᠯᠠᠭ᠎ᠠ ᠶᠢᠨ ᠠᠵᠢᠯ ᠢ ᠰᠠᠶᠢᠳᠣᠷ ᠪᠠᠶᠠᠯᠡᠭᠦᠯᠦᠨ᠎ᠡ᠃ ᠤᠯᠠᠨ ᠨᠡᠶᠢᠳᠡ ᠦᠢᠯᠡᠰ ᠡᠭᠦᠳᠬᠦ᠂ ᠤᠯᠠᠨ | ᠲᠦᠮᠡᠨ ᠰᠢᠨ᠎ᠠ ᠶᠢ ᠡᠭᠦᠳᠬᠦ ︽ᠬᠤᠤᠰ ᠡᠭᠦᠳᠦᠯᠲᠡ︾ ᠶᠢᠨ ᠠᠵᠢᠯᠯᠠᠭ᠎ᠠ ᠶᠢ ᠢᠳᠡᠪᠬᠢᠲᠠᠢ ᠲᠦᠯᠬᠢᠨ ᠠᠬᠢᠭᠤᠯᠵᠦ᠂ | ᠡᠨᠡ ᠵᠢᠯ 7500 ᠠᠵᠢᠯ ᠤᠨ ᠪᠠᠶᠢᠷᠢ ᠴᠤᠭᠯᠠᠭᠤᠯᠤᠨ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ | ᠣᠯᠣᠭᠰᠠᠨ ᠬᠦᠮᠦᠰ ᠢ 1250 ᠳᠤ ᠬᠦᠷᠭᠡᠵᠦ᠂ ᠰᠢᠯᠵᠢᠭᠦᠯᠦᠨ ᠠᠵᠢᠯ ᠤᠯᠭᠤᠬᠤ ᠬᠦᠮᠦᠰ ᠢ 2200 ᠳᠤ | ᠬᠦᠷᠭᠡᠨ᠂ ᠬᠤᠳᠠ ᠪᠠᠯᠭᠠᠰᠤᠨ ᠤ ᠪᠦᠷᠢᠳᠭᠡᠭᠰᠡᠨ ᠠᠵᠢᠯ ᠠᠯᠳᠠᠬᠰᠠᠳ ᠤᠨ ᠨᠤᠷᠮ᠎ᠠ ᠶᠢ 3.2% ᠳᠤᠳᠤᠷ᠎ᠠ | ᠬᠢᠵᠠᠭᠠᠷᠯᠠᠨ᠎ᠠ᠃ ᠶᠤᠸᠠᠨ ᠤ ᠲᠡᠭᠡᠳᠦ ᠨᠠᠶᠢᠰᠯᠠᠯ ᠤᠨ ᠦᠨᠳᠦᠰᠦᠳᠡᠨ ᠤ ᠰᠣᠶᠣᠯ ᠤᠨ ᠤᠨᠴᠠᠯᠢᠭᠳᠣ ᠠᠵᠣ ᠦᠢᠯᠡᠰ | ᠤᠨ ᠬᠦᠷᠢᠶᠠᠯᠠᠩ᠂ ᠰᠡᠬᠡᠬᠡᠳᠡᠨ ᠦᠢᠯᠡᠰ ᠪᠤᠰᠬᠠᠬᠤ ᠲᠤᠭᠤᠷᠢᠭ ᠵᠡᠷᠭᠡ ᠦᠢᠯᠡᠰ ᠪᠤᠰᠬᠠᠬᠤ ᠰᠠᠭᠤᠷᠢᠨ ᠭᠠᠵᠠᠷ ᠤᠨ | ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠶᠡᠭᠡ ᠲᠡᠭᠡᠳᠦ ᠰᠣᠷᠭᠠᠭᠤᠯᠢ ᠲᠡᠭᠦᠰᠦᠭᠰᠡᠨ ᠣᠶᠣᠳᠠᠨ | ᠪᠤᠯᠤᠨ ᠴᠡᠷᠢᠭ ᠠᠴᠠ ᠬᠠᠯᠠᠭᠳᠠᠭᠰᠡᠳ ᠤᠨ ᠦᠢᠯᠡᠰ ᠪᠤᠰᠬᠠᠬᠤ ᠶᠢ ᠵᠤᠷᠢᠭᠵᠢᠭᠤᠯᠤᠨ᠎ᠠ᠃ ᠵᠠᠰᠠᠭ ᠤᠨ ᠤᠷᠳᠤᠨ | ᠠᠴᠠ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠬᠤᠳᠠᠯᠳᠤᠨ ᠠᠪᠬᠤ ᠬᠦᠴᠦᠯᠡᠴᠡ ᠶᠢ | ᠨᠡᠮᠡᠭᠳᠡᠭᠦᠯᠥᠨ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠤᠶᠢᠯᠪᠤᠷᠢᠳᠠᠢ ᠠᠵᠢᠯ | ᠤᠯᠭᠤᠬᠤ ᠲᠤᠭᠳᠠᠯᠴᠠᠭ᠎ᠠ ᠶᠢ ᠠᠭᠠᠵᠢᠮ ᠢᠶᠠᠷ ᠪᠦᠷᠢᠯᠳᠦᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠬᠤ ᠶᠢ ᠵᠤᠷᠢᠭᠵᠢᠭᠤᠯᠤᠨ᠂ ᠨᠠᠶᠢᠭᠡᠮ ᠤᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠠ ᠶᠢ ᠣᠯᠠᠮ ᠨᠢᠭᠡ | ᠠᠯᠬᠤᠮ ᠦᠷᠭᠡᠳᠭᠡᠵᠦ᠂ ᠬᠤᠳᠠ ᠬᠦᠳᠡᠭᠡ ᠶᠢᠨ ᠳᠤᠤᠷ᠎ᠠ ᠪᠠᠲᠤᠯᠠᠭ᠎ᠠ ᠪᠤᠯᠤᠨ ᠲᠠᠪᠦᠨ ᠪᠠᠳᠤᠯᠠᠭ᠎ᠠ ᠶᠢᠨ ᠠᠰᠠᠷᠠᠮᠵᠢ | ᠶᠢᠨ ᠪᠠᠷᠢᠮᠵᠢᠶ᠎ᠠ ᠶᠢ 10% ᠣᠷᠴᠢᠮ ᠨᠡᠮᠡᠭᠳᠡᠭᠦᠯᠦᠨ᠎ᠡ᠃ ᠬᠠᠷᠠᠭᠠᠯᠵᠠᠨ ᠳᠣᠬᠢᠨᠠᠭᠤᠯᠬᠤ᠂ ᠦᠳᠡᠯᠦᠭᠡ ᠨᠠᠰᠣᠨ ᠤ | ᠨᠦᠬᠦᠪᠦᠷᠢ ᠵᠡᠷᠭᠡ ᠲᠦᠷᠦ ᠶᠢᠨ ᠪᠤᠳᠣᠯᠭ᠎ᠠ ᠶᠢ ᠰᠠᠶᠢᠳᠣᠷ ᠨᠠᠶᠢᠳᠠᠪᠤᠷᠢᠵᠢᠭᠤᠯᠵᠤ᠂ ᠨᠠᠶᠢᠭᠡᠮ ᠤᠨ ᠠᠪᠤᠷᠠᠨ | ᠳᠣᠰᠠᠯᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠬᠤᠳᠠ ᠬᠦᠳᠡᠭᠡ ᠶᠢᠨ ᠡᠮ ᠡᠮᠨᠡᠯᠭᠡ ᠶᠢᠨ ᠠᠪᠦᠷᠠᠨ | ᠲᠤᠰᠠᠯᠠᠬᠤ ᠬᠦᠴᠦᠯᠡᠴᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠶᠠᠳᠠᠭᠤ ᠬᠦᠴᠢᠷᠳᠡᠯᠳᠡᠢ ᠣᠯᠠᠨ ᠲᠦᠮᠡᠨ ᠤ | ᠦᠨᠳᠦᠰᠦᠨ ᠠᠮᠢᠳᠣᠷᠠᠯ ᠤᠨ ᠬᠢᠷᠢ ᠲᠦᠪᠰᠢᠨ ᠢ ᠪᠠᠳᠣᠯᠠᠨ᠂ ᠨᠠᠶᠢᠭᠡᠮ ᠳᠣᠭᠤᠷᠢᠭ ᠤᠨ ᠦᠢᠯᠡᠴᠢᠯᠡᠭᠡᠨ ᠤ ᠠᠵᠢᠯ ᠢ | ᠰᠠᠶᠢᠵᠢᠷᠠᠭᠤᠯᠵᠦ᠂ ᠦᠢᠯᠡᠴᠢᠯᠡᠭᠡᠨ ᠤ ᠬᠢᠷᠢ ᠲᠥᠪᠰᠢᠨ ᠢ ᠨᠢ ᠲᠡᠭᠡᠭᠰᠢᠯᠡᠭᠦᠯᠥᠨ᠎ᠡ᠃ ᠠᠷᠠᠳ ᠲᠤ ᠠᠰᠢᠭ ᠬᠦᠷᠳᠡᠭᠡᠬᠦ | ᠭᠡᠳᠦᠨ ᠵᠦᠢᠯ ᠤᠨ ᠪᠤᠳᠠᠳᠠᠢ ᠠᠵᠢᠯ ᠢ ᠰᠠᠶᠢᠳᠣᠷ ᠪᠠᠶᠠᠯᠡᠭᠦᠯᠦᠨ᠎ᠡ᠃ ᠠᠷᠠᠳ ᠤᠨ ᠠᠮᠢᠳᠣᠷᠠᠯ ᠢ ᠠᠳᠬᠤᠵᠤ᠂ | ᠳᠣᠳᠠᠭᠳᠠᠯ ᠢᠶᠠᠨ ᠨᠦᠬᠦᠪᠦᠷᠢᠯᠡᠬᠦ᠂ ᠣᠯᠠᠨ ᠲᠦᠮᠡᠨ ᠤ ᠪᠤᠶᠠᠨ ᠠᠰᠠᠷᠠᠮᠵᠢ ᠶᠢ ᠨᠡᠮᠡᠭᠳᠡᠭᠦᠯᠬᠦ ᠪᠠᠷ ᠬᠠᠷᠠᠯᠳᠠ ᠪᠤᠯᠭᠠᠨ | ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠪᠠ ︽ᠠᠷᠪᠠ ᠶᠢ ᠨᠠᠶᠢᠳᠠᠮ ᠪᠦᠷᠬᠦᠬᠦᠯᠬᠦ︾ ᠵᠡᠷᠭᠡ ᠠᠷᠠᠳ ᠤᠨ | ᠠᠮᠢᠳᠣᠷᠠᠯ ᠤᠨ ᠭᠤᠤᠯᠳᠠᠯᠭ᠎ᠠ ᠲᠠᠢ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠤᠨ᠎ᠠ᠃ ᠡᠭᠦᠨ ᠤ ᠬᠠᠮᠳᠣ ︽ | ᠭᠤᠷᠪᠠᠨ ᠨᠢᠭᠡ︾ ᠠᠷᠠᠳ ᠤᠨ ᠠᠮᠢᠳᠣᠷᠠᠯ ᠤᠨ ᠪᠤᠳᠠᠳᠣ ᠭᠡᠷᠡᠭ ᠠᠴᠠ ᠭᠠᠷᠳᠠᠨ᠂ ︽ᠮᠠᠯᠵᠢᠬᠤ ᠲᠠᠷᠢᠶᠠᠯᠠᠬᠤ | ᠣᠷᠣᠨ ᠤ ᠳᠣᠣᠷ᠎ᠠ ᠣᠷᠣᠯᠭ᠎ᠠ ᠲᠠᠢ ᠡᠷᠦᠭᠡ ᠪᠦᠷᠢ ᠳᠤ ᠨᠢᠭᠡ ᠲᠤᠨ ᠨᠡᠭᠦᠷᠡᠰᠦ ᠲᠦᠯᠦᠪᠦᠷᠢ ᠦᠭᠡᠢ ᠦᠭᠭᠦ᠂ | ᠬᠤᠳᠠ ᠬᠦᠳᠡᠭᠡ ᠶᠢᠨ ᠳᠣᠣᠷ᠎ᠠ ᠪᠠᠳᠣᠯᠠᠭ᠎ᠠ ᠶᠢᠨ ᠡᠷᠦᠭᠡ ᠶᠢᠨ ᠶᠡᠭᠡ ᠰᠣᠷᠭᠠᠭᠤᠯᠢ ᠶᠢᠨ ᠣᠶᠣᠳᠠᠨ ᠳᠤ ᠵᠢᠯ ᠪᠦᠷᠢ | ᠨᠢᠭᠡ ᠲᠦᠮᠡᠨ ᠲᠦᠭᠦᠷᠢᠭ ᠤᠨ ᠰᠣᠷᠣᠯᠭ᠎ᠠ ᠶᠢᠨ ᠲᠡᠳᠬᠦᠮᠵᠢ ᠣᠯᠭᠤᠬᠤ᠂ ᠠᠵᠢᠯ ᠦᠭᠡᠢ ᠭᠡᠷ ᠪᠦᠯᠢ ᠳᠤ ᠠᠳᠠᠭ | ᠪᠠᠭ᠎ᠠ ᠳᠠᠭᠠᠨ ᠨᠢᠭᠡ ᠠᠵᠢᠯ ᠤᠨ ᠪᠠᠶᠢᠷᠢ ᠬᠠᠩᠭᠠᠬᠤ︾ ᠠᠷᠠᠳ ᠤᠨ ᠠᠮᠢᠳᠣᠷᠠᠯ ᠤᠨ ᠲᠦᠷᠦ ᠶᠢᠨ ᠪᠤᠳᠣᠯᠭ᠎ᠠ ᠶᠢ | ᠰᠠᠶᠢᠳᠣᠷ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠳᠣ᠂ ᠳᠣᠣᠷᠠᠬᠢ ᠭᠡᠳᠦᠨ ᠲᠦᠷᠦᠯ ᠤᠨ ᠠᠵᠢᠯ ᠢ ᠨᠢᠭᠡᠳᠣᠯᠳᠠᠢ | ᠲᠦᠯᠦᠪᠵᠢᠭᠦᠯᠦᠨ ᠠᠬᠢᠭᠤᠯᠵᠤ᠂ ᠡᠷᠡᠰ ᠨᠠᠶᠢᠳᠠᠪᠤᠷᠢᠵᠢᠭᠤᠯᠤᠨ᠎ᠠ᠃ ᠨᠢᠭᠡ ᠳᠤ᠂ ᠬᠤᠳᠠ ᠬᠦᠳᠡᠭᠡ ᠶᠢᠨ ᠠᠵᠢᠯ | ᠮᠡᠷᠭᠡᠵᠢᠯ ᠤᠨ ᠪᠤᠯᠪᠠᠰᠣᠷᠠᠯ ᠪᠤᠯᠤᠨ ᠦᠢᠯᠡᠰ ᠪᠤᠰᠬᠠᠬᠤ ᠪᠤᠯᠪᠠᠰᠣᠷᠠᠯ ᠢ ᠡᠷᠭᠢᠯᠡᠵᠦ 2070 ᠬᠦᠮᠦᠨ ᠣᠳᠠᠭ᠎ᠠ | ᠣᠷᠣᠯᠴᠠᠭᠤᠯᠤᠨ᠂ 1200 ᠲᠦᠮᠡᠨ ᠲᠦᠭᠦᠷᠢᠭ ᠤᠨ ᠪᠠᠭ᠎ᠠ ᠳᠣᠭᠠᠨ ᠤ ᠪᠠᠳᠣᠯᠭᠠᠳᠣ ᠵᠢᠭᠡᠯᠡᠯᠭᠡ ᠳᠠᠯᠪᠢᠨ᠎ᠡ᠃ | ᠬᠤᠶᠠᠷ ᠲᠤ᠂ ᠶᠠᠳᠠᠭᠤ ᠬᠦᠴᠢᠷᠳᠠᠢ ᠡᠷᠦᠭᠡ ᠶᠢᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠪᠠ ᠳᠣᠰᠬᠠᠢ ᠮᠡᠷᠭᠡᠵᠢᠯ | ᠤᠨ ᠠᠩᠬᠢ ᠳᠤ ᠰᠢᠯᠭᠠᠭᠳᠠᠨ ᠣᠷᠣᠭᠰᠠᠨ ᠣᠶᠣᠳᠠᠨ ᠲᠤ ᠨᠢᠭᠡᠯᠡ ᠣᠳᠠᠭ᠎ᠠ ᠳᠤ ᠲᠤᠰ ᠪᠦᠷᠢ 3000 ᠲᠦᠭᠦᠷᠢᠭ | ᠪᠠ 2000 ᠲᠦᠭᠦᠷᠢᠭ ᠤᠨ ᠨᠦᠬᠦᠪᠦᠷᠢ ᠣᠯᠭᠤᠨ᠎ᠠ᠃ ᠭᠤᠷᠪᠠ ᠳᠤ᠂ 2015 ᠤᠨ ᠤ ᠰᠠᠭᠤᠷᠢᠨ ᠲᠡᠭᠡᠷ᠎ᠡ᠂ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠶᠢᠭᠡᠮ ᠤᠨ ᠨᠠᠰᠣᠵᠢᠯ ᠤᠨ ᠳᠠᠭᠠᠳᠬᠠᠯ ᠤᠨ ᠰᠠᠭᠤᠷᠢ ᠮᠦᠩᠭᠦᠨ | ᠤ ᠨᠦᠬᠦᠪᠦᠷᠢ ᠶᠢ ᠲᠡᠬᠢᠨ 5 ᠲᠦᠭᠦᠷᠢᠭ ᠨᠡᠮᠡᠭᠳᠡᠭᠦᠯᠦᠨ᠎ᠡ᠃ ᠲᠦᠷᠪᠡ ᠳᠤ᠂ ᠪᠠᠳᠣᠯᠠᠭ᠎ᠠ ᠶᠢᠨ ᠴᠢᠨᠠᠷᠳᠠᠢ | ᠠᠮᠤᠭᠤᠯᠠᠩ ᠰᠠᠭᠤᠴᠠ ᠶᠢᠨ ᠢᠨᠵᠧᠨᠧᠷᠢᠩ ᠢ ᠭᠡᠷᠡᠭᠵᠢᠭᠦᠯᠵᠦ᠂ 120 ᠬᠢᠮᠳᠠ ᠲᠦᠷᠢᠶᠡᠰᠦᠨ ᠣᠷᠣᠨ ᠰᠠᠭᠤᠴᠠ ᠶᠢ | ᠪᠠᠶᠢᠭᠤᠯᠵᠤ᠂ ᠪᠦᠷᠭᠡ ᠳᠣᠭᠤᠷᠢᠭ ᠤᠨ ᠦᠭᠡᠷᠡᠴᠢᠯᠡᠯᠳᠡ ᠪᠠᠷ 300 ᠡᠷᠦᠭᠡ ᠶᠢᠨ ᠭᠡᠷ ᠪᠠᠶᠢᠰᠢᠩ ᠢ ᠦᠭᠡᠷᠡᠴᠢᠯᠡᠨ | ᠵᠠᠰᠠᠨ᠎ᠠ︔ ᠲᠠᠪᠤ ᠳᠤ᠂ ᠱᠠᠩᠳᠣ ᠪᠠᠯᠭᠠᠰᠣᠨ ᠤ 720 ᠰᠠᠭᠤᠭᠠᠯᠢ ᠡᠷᠦᠭᠡ ᠳᠤ ᠪᠠᠶᠢᠭᠠᠯᠢ ᠶᠢᠨ ᠰᠢᠳᠠᠮᠠᠬᠠᠢ ᠬᠡᠢ ᠶᠢ | ᠨᠡᠪᠳᠡᠷᠡᠭᠦᠯᠦᠨ᠎ᠡ᠃ ᠵᠢᠷᠭᠤᠭ᠎ᠠ ᠳᠤ᠂ ᠮᠠᠯᠵᠢᠬᠤ ᠲᠠᠷᠢᠶᠠᠯᠠᠬᠤ ᠤᠷᠤᠨ ᠤ 1000 ᠡᠷᠦᠭᠡ ᠶᠢᠨ ᠨᠠᠷᠠ ᠰᠠᠯᠬᠢᠨ ᠢ | ᠬᠠᠷᠢᠯᠴᠠᠨ ᠨᠦᠬᠦᠪᠦᠷᠢᠯᠡᠭᠦᠯᠦᠭᠰᠡᠨ ᠴᠠᠬᠢᠯᠭᠠᠨ ᠬᠠᠩᠭᠠᠬᠤ ᠲᠦᠭᠦᠭᠡᠷᠦᠮᠵᠢ ᠶᠢ ᠲᠡᠰ ᠲᠡᠪᠰᠢᠭᠦᠯᠦᠨ ᠦᠭᠡᠷᠡᠴᠢᠯᠡᠵᠦ ᠂ | 8487 ᠡᠷᠦᠭᠡ ᠶᠢᠨ ︽ᠨᠢᠭᠡ ᠡᠷᠦᠭᠡ ᠳᠤ ᠨᠢᠭᠡ ᠬᠡᠮᠵᠢᠭᠦᠷ︾ ᠢ ᠲᠡᠰ ᠲᠡᠪᠰᠢᠭᠦᠯᠦᠨ ᠦᠭᠡᠷᠡᠴᠢᠯᠡᠨ᠎ᠡ ︔ | ᠳᠣᠯᠤᠭ᠎ᠠ ᠳᠤ᠂ ᠮᠠᠯᠴᠢᠨ ᠲᠠᠷᠢᠶᠠᠴᠢᠨ ᠲᠤ ᠲᠦᠯᠦᠪᠦᠷᠢ ᠦᠭᠡᠢ ᠪᠠᠷ ᠪᠡᠶ᠎ᠡ ᠪᠠᠨ ᠪᠠᠶᠢᠴᠠᠭᠠᠬᠤ ᠢᠨᠵᠧᠨᠧᠷᠢᠩ ᠢ | ᠦᠷᠭᠦᠯᠵᠢᠯᠡᠨ ᠰᠠᠶᠢᠳᠣᠷ ᠦᠷᠨᠢᠭᠦᠯᠵᠦ᠂ 35 —45 ᠪᠦᠬᠦᠯᠢ ᠨᠠᠰᠣᠨ ᠤ ︵ᠡᠷᠡᠭᠳᠡᠢ︶᠂ 30 — 40 | ᠪᠦᠬᠦᠯᠢ ᠨᠠᠰᠣᠨ ᠤ ︵ᠡᠮᠡᠭᠳᠡᠢ︶ ᠳᠤ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠨ᠎ᠡ᠃ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠴᠢᠷᠮᠠᠶᠢᠨ ᠨᠡᠮᠡᠭᠳᠡᠭᠦᠯᠦᠨ᠎ᠡ᠃ ᠠᠵᠢᠯ ᠤᠨ ᠡᠷᠴᠢᠮ ᠢᠶᠠᠨ | ᠣᠯᠠᠮ ᠨᠢᠭᠡ ᠠᠯᠬᠤᠮ ᠨᠡᠮᠡᠭᠳᠡᠭᠦᠯᠵᠦ᠂ ᠬᠤᠳᠠ ᠬᠦᠳᠡᠭᠡ᠂ ᠠᠵᠢᠯ ᠲᠦᠷᠦᠯ ᠤᠨ ᠬᠤᠭᠤᠷᠤᠨᠳᠣᠬᠢ ᠣᠷᠣᠯᠭ᠎ᠠ ᠶᠢᠨ | ᠵᠦᠷᠢᠶ᠎ᠠ ᠶᠢ ᠠᠭᠠᠵᠢᠮ ᠢᠶᠠᠷ ᠪᠠᠭᠠᠰᠬᠠᠨ᠎ᠠ᠃ ᠣᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠵᠦ᠂ ︽ᠨᠢᠭᠡ ᠺᠠᠷᠲ︾ ᠤᠨ ᠬᠠᠮᠢᠶᠠᠷᠣᠯᠳᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ᠮᠠᠯᠴᠢᠨ | ᠲᠠᠷᠢᠶᠠᠴᠢᠳ ᠢ ᠬᠠᠷᠠᠭᠠᠯᠵᠠᠬᠤ ᠨᠦᠬᠦᠪᠦᠷᠢ ᠶᠢᠨ ᠪᠡᠯᠡ ᠮᠦᠩᠬᠦ ᠶᠢ ᠳᠤᠭ᠎ᠠ ᠶᠤᠰᠣᠭᠠᠷ ᠨᠠᠶᠢᠳᠠᠪᠤᠷᠢᠵᠢᠭᠤᠯᠬᠤ ᠶᠢ | ᠪᠠᠳᠣᠯᠠᠨ᠎ᠠ︔ ᠲᠦᠷᠦ ᠶᠢᠨ ᠠᠯᠪᠠᠳᠠᠨ ᠤ ᠡᠭᠦᠷᠭᠡ ᠳᠣᠰᠢᠶᠠᠯ ᠪᠤᠯᠤᠨ ᠳᠣᠰᠢᠶᠠᠯ ᠤᠨ ᠵᠡᠷᠭᠡ ᠲᠡᠰ ᠢ ᠵᠡᠷᠭᠡᠪᠡᠷ | ᠶᠠᠪᠤᠭᠳᠠᠭᠤᠯᠬᠤ ᠲᠦᠷᠢᠮ ᠢ ᠰᠠᠶᠢᠳᠣᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠣᠷᠠᠯ ᠤᠨ ᠲᠠᠯ᠎ᠠ ᠪᠠᠷ ᠬᠢ | ᠵᠠᠷᠣᠯᠭ᠎ᠠ ᠶᠢᠨ ᠬᠠᠷᠢᠴᠠᠯ ᠢ ᠦᠷᠭᠦᠯᠵᠢᠯᠡᠨ ᠨᠡᠮᠡᠭᠳᠡᠭᠦᠯᠵᠦ᠂ ᠦᠷᠭᠡᠨ ᠣᠯᠠᠨ ᠲᠦᠮᠡᠨ ᠳᠤ ᠦᠭᠡᠷᠡᠴᠢᠯᠡᠯᠳᠡ | ᠬᠦᠭᠵᠢᠯᠳᠡ ᠶᠢᠨ ᠦᠷ᠎ᠡ ᠪᠦᠳᠦᠮᠵᠢ ᠶᠢ ᠡᠳ᠋ᠯᠠᠭᠦᠯᠦᠨᠡ᠃ | ︵ᠳᠣᠯᠤᠭ᠎ᠠ︶ ᠣᠶᠣᠨ ᠤ ᠪᠤᠯᠪᠠᠰᠣᠨ ᠤ ᠪᠠᠶᠢᠭᠤᠯᠤᠯᠳᠠ ᠶᠢ ᠴᠢᠩᠭᠠᠳᠬᠠᠵᠤ᠂ ᠦᠨᠳᠦᠰᠦᠳᠡᠨ ᠤ ᠰᠣᠶᠣᠯ | ᠤᠨ ᠬᠦᠭᠵᠢᠯ ᠴᠡᠴᠡᠭᠯᠡᠯ ᠢ ᠠᠬᠢᠭᠤᠯᠤᠨ᠎ᠠ᠃ | ᠨᠠᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠣᠬᠠᠭᠤᠯᠭ᠎ᠠ ᠬᠦᠮᠦᠵᠢᠯ ᠢ ᠬᠦᠨᠵᠡᠭᠡᠢ | ᠠᠬᠢᠭᠤᠯᠤᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠪᠦᠯᠬᠦᠮᠳᠠᠨ ᠣᠷᠣᠭᠰᠢᠯᠠᠬᠤ | ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠪᠤᠯᠪᠠᠰᠣᠨ ᠬᠦᠳᠡᠭᠡ ᠲᠤᠰᠬᠤᠨ᠂ ᠪᠤᠯᠪᠠᠰᠣᠨ ᠪᠠᠶᠢᠭᠤᠯᠭ᠎ᠠ | ᠨᠢᠭᠡᠴᠡ ᠪᠠ ᠪᠤᠯᠪᠠᠰᠣᠨ ᠭᠡᠷ ᠪᠦᠯᠢ ᠶᠢ ᠡᠭᠦᠳᠬᠦ ᠠᠵᠢᠯᠯᠠᠭ᠎ᠠ ᠶᠢ ᠠᠬᠢᠭᠤᠯᠵᠤ᠂ ᠳᠣᠮᠳᠠᠳᠣ ᠶᠢᠨ ᠦᠨᠳᠦᠰᠦᠳᠠᠨ ᠤ | ᠤᠯᠠᠮᠵᠢᠯᠠᠯᠳᠣ ᠪᠤᠯᠪᠠᠰᠣᠨ ᠰᠣᠷᠳᠠᠯ ᠢ ᠪᠠᠳᠠᠷᠠᠭᠤᠯᠤᠨ᠂ ᠦᠵᠡᠯ ᠰᠠᠨᠠᠭ᠎ᠠ ᠶᠤᠰᠤ ᠰᠣᠷᠳᠠᠬᠤᠨ ᠪᠠ ᠨᠠᠶᠢᠭᠡᠮ ᠤᠨ | ᠢᠳᠡᠭᠡᠮᠵᠢᠳᠣ ᠪᠠᠶᠢᠭᠤᠯᠤᠯᠳᠠ ᠶᠢ ᠴᠢᠩᠭᠠᠳᠬᠠᠨ᠎ᠡ᠃ ᠰᠣᠶᠣᠯ ᠤᠨ ᠵᠠᠬ᠎ᠠ ᠲᠡᠯᠭᠡᠭᠦᠷ ᠲᠠᠬᠢ ᠬᠢᠨᠠᠨ ᠬᠠᠮᠢᠶᠠᠷᠣᠯᠳᠠ | ᠶᠢᠨ ᠬᠦᠴᠦᠯᠡᠴᠡ ᠶᠢ ᠴᠢᠩᠭᠠᠳᠬᠠᠵᠤ᠂ ᠶᠡᠷᠢᠶ᠎ᠠ ᠬᠡᠯᠡᠯᠴᠡᠭᠡᠨ ᠤ ᠵᠢᠯᠤᠭᠤᠳᠣᠮᠵᠢ ᠪᠠ ᠲᠤᠤᠷ ᠰᠦᠯᠵᠢᠶᠠᠨ ᠤ | ᠤᠬᠠᠭᠤᠯᠭ᠎ᠠ ᠶᠢᠨ ᠬᠠᠮᠢᠶᠠᠷᠣᠯᠳᠠ ᠶᠢᠨ ᠠᠵᠢᠯ ᠢ ᠰᠠᠶᠢᠳᠣᠷ ᠬᠢᠵᠤ᠂ ᠭᠤᠤᠯ ᠠᠶᠠᠰ ᠢ ᠲᠡᠯᠭᠡᠷᠡᠭᠦᠯᠵᠦ᠂ ᠵᠦᠪ | ᠡᠨᠧᠷᠬᠢ ᠶᠢ ᠳᠠᠮᠵᠢᠭᠤᠯᠤᠨ᠎ᠠ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠰᠣᠶᠣᠯ ᠤᠨ ᠠᠭᠤᠯᠤᠭᠳᠠᠬᠤᠨ ᠢ | ᠬᠦᠨᠵᠡᠭᠡᠢ ᠠᠭᠤᠳᠠᠯᠯᠠᠨ᠂ ᠦᠨᠳᠦᠰᠦᠳᠡᠨ ᠤ ᠰᠣᠶᠣᠯ ᠤᠨ ᠬᠦᠴᠦᠷᠭᠡᠭ ᠬᠤᠰᠢᠭᠤᠨ ᠤ ᠪᠦᠳᠦᠭᠡᠨ ᠪᠠᠶᠢᠭᠤᠯᠤᠯᠳᠠ | ᠶᠢ ᠲᠦᠷᠭᠡᠳᠭᠡᠨ᠂ ︽ᠳᠤᠮᠳᠠᠳᠤ ᠤᠯᠤᠰ᠂ ᠶᠤᠸᠠᠨ ᠤ ᠲᠡᠭᠡᠳᠦ ᠨᠡᠶᠢᠰᠯᠡᠯ︾ ᠰᠣᠶᠣᠯ ᠵᠢᠭᠤᠯᠴᠢᠯᠠᠯ ᠤᠨ | ᠦᠨᠳᠦᠰᠦᠳᠡᠨ ᠤ ᠵᠠᠩ ᠦᠢᠯᠡ ᠰᠣᠶᠣᠯ ᠤᠨ ᠰᠢᠷᠢᠰ ᠠᠵᠢᠯᠯᠠᠭ᠎ᠠ ᠶᠢ ᠰᠠᠶᠢᠳᠣᠷ ᠦᠷᠨᠢᠭᠦᠯᠦᠨ᠎ᠡ᠃ ︽ᠳᠣᠮᠳᠠᠳᠣ | ᠣᠯᠣᠰ ᠤᠨ ᠮᠤᠩᠭᠤᠯ ᠭᠡᠯᠡᠨ ᠤ ᠪᠠᠷᠢᠮᠵᠢᠶ᠎ᠠ ᠠᠪᠢᠶᠠᠨ ᠤ ᠵᠢᠱᠢᠶ᠎ᠠ ᠦᠵᠡᠭᠦᠯᠬᠦ ᠰᠠᠭᠤᠷᠢᠨ ᠭᠠᠵᠠᠷ︾ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠮᠤᠩᠭᠤᠯ ᠭᠡᠯᠡᠨ ᠤ ᠭᠡᠷᠡᠭᠯᠡᠭᠡᠨ ᠤ ᠬᠢᠷᠢ ᠲᠦᠪᠰᠢᠨ ᠢ | ᠲᠡᠭᠡᠭᠰᠢᠯᠡᠭᠦᠯᠵᠦ᠂ ᠨᠠᠢᠮᠠᠨ ᠮᠤᠵᠢ ᠤᠷᠤᠨ ᠤ ᠮᠤᠩᠭᠤᠯ ᠬᠡᠯᠡᠨ ᠤ ᠨᠡᠪᠳᠡᠷᠡᠭᠦᠯᠦᠭᠴᠢ ᠬᠦᠳᠦᠯᠦᠭᠴᠢ ᠶᠢᠨ | ᠤᠷᠤᠯᠳᠤᠭᠠᠨ ᠢ ᠮᠠᠨ ᠤ ᠬᠤᠰᠢᠭᠤᠨ ᠳᠤ ᠶᠠᠪᠤᠭᠳᠠᠭᠤᠯᠬᠤ ᠪᠠᠷ ᠢᠳᠡᠪᠬᠢᠲᠠᠢ ᠴᠢᠷᠮᠠᠶᠢᠨ᠎ᠡ᠃ ᠰᠣᠶᠣᠯ ᠢᠶᠠᠷ ᠠᠷᠠᠳ | ᠲᠤ ᠠᠰᠢᠭ ᠣᠯᠭᠤᠬᠤ ᠢᠨᠵᠧᠨᠧᠷᠢᠩ ᠢ ᠠᠬᠢᠭᠤᠯᠵᠤ᠂ ᠰᠤᠶᠤᠯ ᠤᠨ ᠭᠡᠷ᠂ ᠨᠤᠮ ᠤᠨ ᠰᠠᠩ ᠤᠨ ᠬᠢᠷᠢ ᠲᠦᠪᠰᠢᠨ | ᠢ ᠲᠡᠭᠡᠭᠰᠢᠯᠡᠭᠦᠯᠦᠨ᠂ ᠪᠦᠬᠦ ᠠᠷᠠᠳ ᠢᠶᠠᠷ ᠢᠶᠠᠨ ᠨᠤᠮ ᠣᠩᠰᠢᠬᠤ ᠶᠢ ᠰᠣᠷᠳᠠᠯᠴᠢᠯᠠᠵᠤ᠂ ᠰᠣᠶᠣᠯ ᠣᠷᠠᠯᠢᠭ ᠤᠨ | ᠡᠭᠦᠳᠦᠨ ᠪᠦᠳᠦᠭᠡᠯᠳᠡ ᠶᠢ ᠵᠤᠷᠢᠭᠵᠢᠭᠤᠯᠤᠨ᠎ᠠ᠃ ᠪᠤᠳᠠᠳᠣ ᠭᠡᠷᠡᠭᠯᠡᠭᠡᠨ ᠤ ᠰᠢᠨᠵᠢᠯᠡᠭᠡ ᠮᠡᠷᠭᠡᠵᠢᠯ ᠤᠨ ᠪᠤᠯᠪᠠᠰᠣᠷᠠᠯ ᠢ | ᠴᠢᠩᠭᠠᠳᠬᠠᠵᠤ᠂ ᠰᠢᠨᠵᠢᠯᠡᠭᠡ ᠮᠡᠷᠭᠡᠵᠢᠯ ᠤᠨ ᠴᠢᠳᠠᠪᠤᠷᠢᠳᠠᠨ ᠢ ᠢᠳᠡᠪᠬᠢᠳᠠᠢ ᠣᠷᠢᠨ ᠣᠷᠣᠭᠤᠯᠤᠨ᠎ᠡ᠃ ᠲᠡᠤᠬᠡᠨ | ᠳᠣᠷᠠᠰᠬᠠᠯᠳᠣ ᠵᠦᠢᠯᠡᠰ ᠪᠠ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠬᠦᠴᠦᠯᠡᠴᠡ ᠶᠢ ᠴᠢᠩᠭᠠᠳᠬᠠᠵᠤ | ᠂ ᠰᠣᠶᠣᠯ ᠤᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠴᠢᠬᠤᠯᠠᠴᠢᠯᠠᠨ᠎ᠠ᠃ ᠶᠤᠸᠠᠨ ᠤ ᠳᠡᠭᠡᠳᠦ | ᠨᠡᠶᠢᠰᠯᠡᠯ ᠤᠨ ᠪᠠᠭᠤᠷᠢ ᠶᠢᠨ ᠮᠥᠽᠸᠢ ᠶᠢᠨ ᠨᠠᠶᠢᠭᠡᠮ ᠳᠤ ᠦᠢᠯᠡᠴᠢᠯᠡᠬᠦ ᠴᠢᠳᠠᠪᠬᠢ ᠶᠢ ᠲᠡᠭᠡᠭᠰᠢᠯᠡᠭᠦᠯᠵᠦ᠂ ᠣᠯᠣᠰ | ᠤᠨ ᠲᠦᠯᠦᠪᠦᠷᠢ ᠦᠭᠡᠢ ᠨᠡᠭᠡᠭᠡᠭᠦ ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠠ᠃ ᠪᠦᠬᠦ ᠠᠷᠠᠳ ᠤᠨ ᠪᠡᠶ᠎ᠡ | ᠴᠢᠬᠢᠷᠠᠭᠵᠢᠭᠤᠯᠬᠤ ᠬᠦᠳᠡᠯᠭᠡᠭᠡᠨ ᠢ ᠢᠳᠡᠪᠬᠢᠳᠠᠢ ᠦᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ | ᠪᠠ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯᠯᠠᠭ᠎ᠠ ᠶᠢ ᠲᠦᠭᠡᠮᠡᠯᠵᠢᠭᠦᠯᠤᠨ᠂ ᠪᠦᠬᠡ ᠵᠡᠷᠭᠡ | ᠦᠨᠳᠦᠰᠦᠳᠡᠨ ᠤ ᠪᠡᠶ᠎ᠡ ᠳᠠᠮᠢᠷ ᠤᠨ ᠣᠷ᠎ᠠ ᠮᠡᠷᠭᠡᠵᠢᠯ ᠤᠨ ᠬᠢᠷᠢ ᠲᠦᠪᠰᠢᠨ ᠢ ᠲᠡᠭᠡᠭᠰᠢᠯᠡᠭᠦᠯᠵᠦ᠂ ︽ᠬᠦᠶᠦᠴᠢ︾ | ᠬᠤᠯᠠ ᠬᠦᠶᠦᠬᠦ ᠤᠷᠤᠯᠳᠤᠭᠠᠨ ᠵᠡᠷᠭᠡ ᠳᠣᠮᠣ ᠬᠡᠯᠪᠡᠷᠢ ᠶᠢᠨ ᠪᠠᠶ᠎ᠠ ᠲᠠᠮᠢᠷ ᠤᠨ ᠣᠷᠣᠯᠳᠣᠭᠠᠨ ᠢ ᠡᠷᠬᠢᠯᠡᠬᠦ ᠪᠠᠷ | ᠴᠢᠷᠮᠠᠶᠢᠨ᠎ᠠ᠃ ᠲᠡᠭᠡᠳᠦ ᠱᠠᠳᠣᠨ ᠤ ᠰᠣᠶᠣᠯ ᠤᠨ ᠠᠵᠤ ᠦᠢᠯᠡᠰ ᠤᠨ ᠰᠠᠭᠤᠷᠢ ᠮᠦᠩᠬᠦ ᠶᠢ ᠣᠯᠬᠤ ᠪᠠᠷ ᠴᠢᠷᠮᠠᠶᠢᠵᠤ | ᠂ ᠰᠣᠶᠣᠯ ᠵᠢᠭᠤᠯᠴᠢᠯᠠᠯ᠂ ᠰᠢᠨᠵᠢᠯᠡᠭᠡ ᠮᠡᠷᠭᠡᠵᠢᠯ᠂ ᠪᠡᠶ᠎ᠡ ᠳᠠᠮᠢᠷ ᠶᠢᠨ ᠣᠷᠭᠠᠨᠢᠭ ᠵᠤᠬᠢᠴᠠᠯ ᠢ ᠠᠬᠢᠭᠤᠯᠵᠤ᠂ ᠠᠵᠤ | ᠠᠬᠤᠢ ᠶᠢᠨ ᠬᠦᠭᠵᠢᠯᠳᠡ ᠳᠤ ᠦᠵᠡᠭᠦᠯᠬᠦ ᠰᠣᠶᠣᠯ ᠤᠨ ᠠᠵᠤ ᠦᠢᠯᠡᠰ ᠤᠨ ᠬᠤᠪᠢ ᠨᠡᠮᠡᠭᠦᠷᠢ ᠶᠢ | ᠲᠡᠭᠡᠭᠰᠢᠯᠡᠭᠦᠯᠦᠨ᠎ᠡ᠃ | ︵ᠨᠠᠢᠮᠠ︶ ᠵᠠᠰᠠᠭ ᠤᠨ ᠣᠷᠳᠣᠨ ᠤ ᠲᠤᠰ ᠪᠠᠶ᠎ᠠ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ | ᠬᠠᠣᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ | ᠨᠠᠮ ᠤᠨ ᠣᠳᠣᠷᠢᠳᠣᠯᠭ᠎ᠠ ᠶᠢ ᠪᠠᠷᠢᠮᠳᠠᠯᠠᠵᠤ᠂ ᠣᠯᠣᠰ ᠲᠦᠷᠦ ᠶᠢᠨ ᠰᠠᠬᠢᠯᠭ᠎ᠠ ᠪᠠᠳᠣ ᠪᠠ ᠤᠯᠤᠰ ᠲᠦᠷᠦ | ᠶᠢᠨ ᠲᠦᠷᠢᠮ ᠶᠤᠰᠣ ᠶᠢ ᠴᠢᠩᠭ᠎ᠠ ᠪᠠᠷᠢᠮᠳᠠᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ | ᠶᠤᠰᠣᠨ ᠤ ᠬᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ ᠠᠴᠠ ᠪᠠᠨ | ᠬᠦᠯᠢᠶᠡᠵᠦ᠂ ᠠᠷᠠᠳᠴᠢᠯᠠᠯᠳᠣ ᠬᠠᠣᠯᠢ ᠪᠠᠷ ᠵᠠᠰᠠᠬᠤ ᠪᠠ ᠵᠠᠰᠠᠭ ᠤᠨ ᠣᠷᠳᠣᠨ ᠤ ᠲᠤᠰ ᠪᠠᠶ᠎ᠠ ᠶᠢᠨ ᠪᠠᠶᠢᠭᠤᠯᠤᠯᠳᠠ | ᠶᠢ ᠦᠨᠡᠨᠬᠦ ᠴᠢᠩᠭᠠᠳᠬᠠᠨ᠂ ᠠᠷᠠᠳ ᠲᠦᠮᠡᠨ ᠤ ᠬᠠᠣᠯᠢ ᠶᠣᠰᠣᠨ ᠤ ᠡᠷᠭᠡ ᠠᠰᠢᠭ ᠪᠠ ᠨᠠᠶᠢᠭᠡᠮ ᠤᠨ ᠡᠷᠭᠡ ᠲᠡᠭᠰᠢ | ᠲᠦᠪ ᠰᠢᠳᠣᠷᠭᠤ ᠶᠣᠰᠣ ᠶᠢ ᠬᠠᠮᠠᠭᠠᠯᠠᠵᠤ᠂ ᠠᠷᠠᠳ ᠤᠨ ᠲᠦᠯᠦᠭᠡ᠂ ᠪᠤᠳᠠᠳᠠᠢ ᠶᠢ ᠡᠷᠬᠢᠮᠯᠡᠬᠦ᠂ ᠠᠷᠢᠭᠤᠨ ᠴᠢᠭᠡᠴᠢ | ᠪᠠ ᠬᠠᠣᠯᠢ ᠪᠠᠷ ᠵᠠᠰᠠᠬᠤ᠂ ᠰᠢᠨ᠎ᠡ ᠶᠢ ᠡᠭᠦᠳᠬᠦ᠂ ᠦᠨᠳᠦᠷ ᠦᠷ᠎ᠡ ᠪᠦᠳᠦᠮᠵᠢ ᠲᠠᠢ ᠦᠢᠯᠡᠴᠢᠯᠡᠭᠡᠨ ᠤ ᠬᠡᠯᠪᠡᠷᠢ | ᠶᠢᠨ ᠵᠠᠰᠠᠭ ᠤᠨ ᠣᠷᠳᠣᠨ ᠤ ᠪᠠᠶᠢᠭᠤᠯᠤᠯᠳᠠ ᠶᠢ ᠲᠦᠷᠭᠡᠳᠭᠡᠨ᠎ᠡ᠃ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠳᠠ | ᠶᠢ ᠴᠢᠩᠭᠠᠳᠬᠠᠨ᠂ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠬᠤ | ᠲᠦᠷᠢᠮ︾ ᠪᠠ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠰᠠᠬᠢᠯᠭ᠎ᠠ ᠪᠠᠳᠣ ᠶᠢᠨ ᠰᠢᠢᠳᠭᠡᠯ ᠤᠨ ᠲᠦᠷᠢᠮ︾ | ᠢ ᠴᠢᠩᠭ᠎ᠠ ᠰᠠᠬᠢᠵᠤ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ | ᠢ ᠨᠠᠶᠢᠳᠠᠪᠤᠷᠢᠵᠢᠭᠤᠯᠤᠨ᠂ ᠰᠠᠬᠢᠯᠭ᠎ᠠ ᠲᠦᠷᠢᠮ ᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ ᠬᠢᠨᠠᠨ | ᠪᠤᠳᠣᠵᠤ ᠬᠢᠨᠠᠯᠳᠠ ᠳᠠᠯᠪᠢᠬᠤ ᠶᠢ ᠴᠢᠩᠭᠠᠳᠬᠠᠵᠤ᠂ ᠲᠣᠰ ᠱᠠᠳᠣᠨ ᠤ ᠲᠦᠰᠦᠪ ᠤᠨ ᠭᠡᠷᠡᠭᠵᠢᠭᠦᠯᠦᠯᠳᠡ ᠶᠢᠨ ᠬᠢᠨᠠᠨ | ᠪᠤᠳᠣᠯᠳᠠ ᠪᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠣᠯᠳᠠ ᠪᠠᠷ ᠭᠤᠤᠯᠳᠠᠯᠭ᠎ᠠ ᠪᠤᠯᠭᠠᠨ᠂ ᠠᠷᠠᠳ | ᠤᠨ ᠠᠮᠢᠳᠣᠷᠠᠯ ᠤᠨ ᠢᠨᠵᠧᠨᠧᠷᠢᠩ ᠪᠠ ᠳᠣᠰᠬᠠᠢ ᠲᠦᠷᠦᠯ ᠤᠨ ᠪᠡᠯᠡ ᠮᠦᠩᠬᠦ ᠶᠢ ᠬᠢᠨᠠᠨ ᠪᠤᠳᠣᠬᠤ ᠡᠷᠴᠢᠮ ᠢ | ᠴᠢᠩᠭᠠᠳᠬᠠᠨ᠎ᠡ᠃ ᠰᠣᠷᠳᠠᠯ ᠤᠨ ᠪᠠᠶᠢᠭᠤᠯᠤᠯᠳᠠ ᠶᠢ ᠴᠢᠩᠭᠠᠳᠬᠠᠨ᠂ ︽ᠭᠤᠷᠪᠠᠨ ᠴᠢᠩᠭ᠎ᠠ᠂ ᠭᠤᠷᠪᠠᠨ ᠪᠤᠳᠠᠳᠠᠢ︾ | ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠭᠡᠷᠡᠭᠵᠢᠭᠦᠯᠵᠦ᠂ ᠵᠠᠰᠠᠭ ᠵᠠᠬᠢᠷᠭᠠᠨ ᠤ ᠡᠰᠡ ᠭᠦᠢᠴᠡᠳᠭᠡᠬᠦ᠂ ᠳᠣᠷ᠎ᠠ | ᠪᠠᠷ ᠢᠶᠠᠨ ᠭᠦᠢᠴᠡᠳᠭᠡᠬᠦ ᠪᠠ ᠠᠷᠠᠳ ᠲᠦᠮᠡᠨ ᠤ ᠠᠰᠢᠭ ᠳᠣᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ | ᠡᠷᠡᠰ ᠴᠡᠭᠴᠡᠯᠡᠨ᠎ᠡ᠃ ᠵᠠᠰᠠᠭ ᠵᠠᠬᠢᠷᠭᠠᠨ ᠤ ᠴᠢᠳᠠᠪᠬᠢ ᠶᠢ ᠪᠠᠶᠢᠴᠠᠭᠠᠨ ᠬᠠᠷᠢᠭᠤᠴᠠᠯᠭ᠎ᠠ ᠳᠣᠯᠭᠠᠬᠤ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠵᠤ᠂ | ᠲᠦᠷᠢᠮᠵᠢᠭᠰᠡᠨ ᠪᠢᠴᠢᠭ ᠮᠠᠲ᠋ᠧᠷᠢᠶᠠᠯ ᠵᠢᠴᠢ ᠵᠠᠰᠠᠭ ᠤᠨ ᠣᠷᠳᠣᠨ ᠤ ᠭᠡᠷ᠎ᠡ ᠶᠢ ᠬᠢᠨᠠᠨ ᠳᠣᠭᠳᠠᠭᠠᠬᠤ ᠠᠵᠢᠯ ᠢ | ᠡᠷᠴᠢᠮᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠬᠦ ᠲᠦᠷᠢᠮ ᠤᠨ ᠦᠭᠡᠷᠡᠴᠢᠯᠡᠯᠳᠡ ᠶᠢ ᠴᠢᠩᠭᠠᠳᠬᠠᠨ᠂ | ᠬᠠᠣᠯᠢ ᠶᠣᠰᠣᠨ ᠤ ᠡᠷᠭᠡ ᠮᠡᠳᠡᠯ᠂ ᠬᠠᠤᠯᠢ ᠳᠤ ᠳᠣᠭᠳᠠᠭᠠᠭᠰᠠᠨ ᠡᠷᠭᠡ ᠶᠢᠨ ᠬᠢᠵᠠᠭᠠᠠᠷ ᠪᠠ ᠡᠷᠭᠡ ᠶᠢᠨ ᠨᠠᠷᠢᠨ | ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠᠨ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠵᠠᠰᠠᠭ | ᠤᠨ ᠣᠷᠳᠣᠨ ᠤ ᠠᠯᠢᠪᠡ ᠠᠵᠢᠯ ᠢ ᠬᠠᠤᠯᠢ ᠪᠠᠷ ᠵᠠᠰᠠᠬᠤ ᠵᠠᠮ ᠳᠤ ᠣᠷᠣᠭᠤᠯᠤᠨ᠂ ︽ᠬᠠᠤᠯᠢ ᠳᠤ ᠲᠤᠭᠳᠠᠭᠠᠭᠰᠠᠨ | ᠡᠭᠦᠷᠭᠡ ᠬᠠᠷᠢᠭᠤᠴᠠᠯᠭ᠎ᠠ ᠶᠢ ᠵᠠᠪᠠᠯ ᠭᠦᠢᠴᠡᠳᠭᠡᠬᠦ︾ ᠶᠢ ᠪᠠᠶᠡᠯᠡᠭᠦᠯᠦᠨ᠎ᠡ᠃ ᠨᠠᠮ ᠤᠨ ᠦᠨᠳᠦᠰᠦᠳᠡᠨ ᠤ ᠲᠦᠷᠦ | ᠶᠢᠨ ᠪᠤᠳᠣᠯᠭ᠎ᠠ ᠪᠠ ᠦᠨᠳᠦᠰᠦᠳᠡᠨ ᠤ ᠣᠷᠣᠨ ᠤ ᠦᠪᠡᠷᠳᠡᠭᠡᠨ ᠵᠠᠰᠠᠬᠤ ᠲᠦᠷᠢᠮ ᠢ ᠪᠦᠬᠦ ᠲᠠᠯ᠎ᠠ ᠪᠠᠷ | ᠳᠣᠣᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠲᠡᠯ ᠲᠠᠪᠰᠢᠯᠲᠠ ᠶᠢᠨ ᠡᠭᠦᠳᠦᠯᠳᠠ ᠶᠢᠨ | ᠠᠵᠢᠯᠯᠠᠭ᠎ᠠ ᠶᠢ ᠭᠦᠨᠵᠡᠭᠡᠢ ᠦᠷᠨᠢᠭᠦᠯᠵᠤ᠂ ︽ᠲᠦᠷᠪᠡ ᠶᠢ ᠵᠦᠪᠰᠢᠶᠡᠷᠡᠨ ᠮᠡᠳᠡᠷᠡᠬᠦ︾ ᠶᠢ ᠦᠨᠡᠨᠬᠦ ᠴᠢᠩᠭᠠᠳᠬᠠᠨ᠂ | ᠡᠷᠭᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠣᠷᠣᠯᠴᠠᠬᠤ᠂ ᠡᠶ᠎ᠡ ᠵᠤᠬᠢᠴᠠᠯᠳᠠᠢ ᠨᠡᠶᠢᠭᠡᠮ ᠵᠢᠷᠤᠮᠳᠣ | ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠭᠦᠭᠵᠢᠭᠦᠯᠦᠨ᠎ᠡ᠃ ᠮᠤᠩᠭᠤᠯ ᠬᠢᠲᠠᠳ ᠬᠤᠶᠠᠷ ᠬᠡᠯᠡ ᠶᠢ ᠵᠡᠷᠭᠡᠪᠡᠷ | ᠬᠡᠷᠡᠭᠯᠡᠬᠦ ᠲᠦᠷᠢᠮ ᠢ ᠴᠢᠩᠭ᠎ᠠ ᠬᠡᠷᠡᠭᠵᠢᠭᠦᠯᠵᠤ᠂ ᠱᠠᠰᠢᠨ ᠰᠣᠷᠳᠠᠬᠤᠨ ᠤ ᠠᠵᠢᠯ ᠤᠨ ᠲᠠᠯ᠎ᠠ ᠪᠠᠷ ᠬᠢ ᠨᠠᠮ ᠤᠨ | ᠦᠨᠳᠦᠰᠦᠨ ᠴᠢᠭᠯᠡᠯᠳᠡ ᠶᠢ ᠬᠦᠨᠵᠡᠭᠡᠢ ᠳᠣᠣᠱᠯᠠᠭᠤᠯᠤᠨ ᠨᠠᠶᠢᠳᠠᠪᠤᠷᠢᠵᠢᠭᠤᠯᠣᠨᠡ᠃ ᠰᠢᠨ᠎ᠠ ᠲᠦᠰᠦᠪ ᠶᠢᠨ ᠬᠠᠤᠯᠢ | ᠶᠢ ᠴᠢᠩᠭ᠎ᠠ ᠬᠡᠷᠡᠭᠵᠢᠭᠦᠯᠥᠨ᠂ ᠵᠠᠷᠤᠯᠭ᠎ᠠ ᠶᠢᠨ ᠪᠦᠳᠦᠴᠡ ᠶᠢ ᠤᠯᠠᠮ ᠨᠢᠭᠡ ᠠᠯᠬᠤᠮ ᠳᠣᠬᠢᠷᠠᠭᠤᠯᠤᠨ | ᠰᠢᠯᠢᠳᠡᠭᠵᠢᠭᠦᠯᠵᠦ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ︽ᠭᠤᠷᠪᠠᠨ ᠲᠥᠷᠥᠯ ᠤᠨ ᠠᠯᠪᠠᠨ | ᠵᠠᠷᠤᠳᠠᠯ︾ ᠪᠠ ᠠᠰᠠᠷ ᠲᠠᠭᠳᠤ ᠵᠡᠷᠭᠡ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠵᠠᠷᠤᠯᠭ᠎ᠠ ᠶᠢ ᠪᠠᠭᠠᠰᠬᠠᠨ᠎ᠡ᠃ | ᠳᠤᠭ᠎ᠠ ᠪᠦᠷᠢᠳᠭᠡᠯ ᠤᠨ ᠠᠵᠢᠯ ᠤᠨ ᠴᠢᠳᠠᠪᠬᠢ ᠪᠠ ᠬᠢᠷᠢ ᠲᠦᠪᠰᠢᠨ ᠢ ᠳᠠᠰᠣᠷᠠᠯᠳᠡ ᠦᠭᠡᠢ ᠲᠡᠭᠡᠭᠰᠢᠯᠡᠭᠦᠯᠤᠨ᠂ | ᠵᠠᠰᠠᠭ ᠤᠨ ᠣᠷᠳᠣᠨ ᠤ ᠳᠤᠭ᠎ᠠ ᠪᠦᠷᠢᠳᠭᠡᠯ ᠤᠨ ᠢᠳᠡᠭᠡᠭᠦᠯᠬᠦ ᠬᠦᠴᠦᠨ ᠢ ᠦᠨᠡᠨᠬᠦ ᠨᠡᠮᠡᠭᠳᠡᠭᠦᠯᠵᠦ᠂ ᠵᠠᠰᠠᠭ ᠤᠨ | ᠣᠷᠳᠣᠨ ᠤ ᠰᠢᠢᠳᠪᠦᠷᠢᠳᠣ ᠪᠣᠳᠣᠯᠭ᠎ᠠ ᠳᠣᠭᠳᠠᠭᠠᠬᠤ ᠳᠤ ᠰᠢᠨᠵᠢᠯᠡᠬᠦ ᠣᠬᠠᠭᠠᠨᠴᠢ ᠦᠨᠳᠦᠰᠦ ᠪᠠᠷᠢᠮᠳᠠ ᠬᠠᠩᠭᠠᠨ᠎ᠠ︔ | ᠪᠦᠬᠦ ᠤᠯᠤᠰ ᠤᠨ ᠭᠤᠷᠪᠠᠳᠣᠭᠠᠷ ᠣᠳᠠᠭᠠᠨ ᠤ ᠲᠡᠷᠢᠶᠠᠯᠠᠩ ᠤᠨ ᠨᠠᠶᠢᠳᠠᠮ ᠪᠠᠶᠢᠴᠠᠭᠠᠯᠳᠠ ᠶᠢᠨ ᠠᠵᠢᠯ ᠢ | ᠪᠠᠶᠠᠯᠡᠭᠦᠯᠦᠨ᠎ᠡ᠃ ᠳᠣᠭᠳᠠᠮᠠᠯ ᠬᠦᠷᠦᠩᠭᠡ ᠶᠢ ᠪᠦᠷᠢᠳᠭᠡᠨ ᠲᠠᠩᠰᠠᠯᠠᠬᠤ ᠠᠵᠢᠯ ᠢ ᠠᠬᠢᠭᠤᠯᠤᠨ᠎ᠠ᠃ ᠠᠶᠤᠯᠭᠦᠢ | ᠦᠢᠯᠡᠳᠪᠦᠷᠢᠯᠡᠯ ᠪᠠ ᠢᠳᠡᠭᠡᠨ ᠤᠮᠳᠠᠭᠠᠨ ᠡᠮ ᠲᠠᠩ ᠤᠨ ᠠᠮᠤᠷ ᠲᠥᠪᠰᠢᠨ ᠤ ᠠᠵᠢᠯ ᠢ ᠰᠠᠶᠢᠳᠦᠷ ᠠᠳᠬᠤᠵᠦ᠂ | ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠦᠷᠢᠵᠢᠭᠤᠯᠤᠨ᠂ ᠡᠯ᠎ᠡ ᠵᠦᠢᠯ ᠤᠨ ᠤᠨᠴᠠ ᠶᠡᠭᠡ ᠤᠰᠤᠯ ᠠᠳᠡᠯ ᠡᠭᠦᠰᠬᠦ ᠶᠢ ᠴᠢᠩᠭ᠎ᠠ ᠰᠡᠷᠭᠡᠶᠢᠯᠡᠨ᠎ᠡ᠃ | ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ ᠪᠠ ᠪᠡᠯᠡᠳᠭᠡᠯ ᠬᠦᠴᠦᠨ ᠤ ᠪᠠᠶᠢᠭᠤᠯᠤᠯᠳᠠ ᠶᠢ ᠲᠡᠮᠵᠢᠵᠦ | ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠨ᠂ ᠠᠷᠠᠳ ᠤᠨ ᠠᠭᠠᠷ ᠤᠨ ᠰᠡᠷᠭᠡᠶᠢᠯᠡᠯᠳᠡ | ᠶᠢᠨ ᠠᠵᠢᠯ ᠤᠨ ᠡᠷᠴᠢᠮ ᠢ ᠨᠡᠮᠡᠭᠳᠡᠭᠦᠯᠵᠦ᠂ ᠴᠡᠷᠢᠭ ᠠᠷᠠᠳ ᠤᠨ ᠬᠠᠮᠳᠣᠷᠠᠭᠰᠠᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠠᠮᠤᠷ ᠲᠤᠭᠳᠠᠭᠤᠨ ᠰᠢᠯᠤᠭᠤᠨ ᠬᠦᠬᠡ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ | ᠨᠢᠭᠡ ᠰᠠᠯᠠᠭ᠎ᠠ ᠣᠯᠣᠰ ᠲᠦᠷᠦ ᠶᠢᠨ ᠲᠠᠯ᠎ᠠ ᠪᠠᠷ ᠪᠤᠯᠪᠠᠰᠣᠷᠠᠩᠭᠤᠢ᠂ ᠳᠣᠬᠠᠶᠢᠯᠠᠭᠰᠠᠨ ᠠᠵᠢᠯ ᠳᠠᠭᠠᠨ ᠴᠠᠭᠠᠷᠠᠭᠰᠠᠨ | ᠳᠣᠳᠣᠭᠠᠳᠣ ᠶᠢ ᠬᠠᠮᠠᠭᠠᠯᠠᠬᠤ ᠴᠠᠭᠳᠠᠭᠠᠨ ᠤ ᠡᠩᠨᠡᠭᠡ ᠶᠢ ᠪᠠᠶᠢᠭᠤᠯᠤᠨ᠎ᠠ᠃ ᠵᠠᠬᠢᠲᠠᠯ ᠰᠤᠷᠪᠤᠯᠵᠢᠯᠠᠭ᠎ᠠ ᠶᠢᠨ | ᠲᠤᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢᠨ ᠲᠥᠷᠢᠮ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠨᠡᠶᠢᠭᠡᠮ | ᠤᠨ ᠵᠦᠷᠢᠴᠡᠯ ᠮᠦᠷᠭᠦᠯᠳᠦᠭᠡᠨ ᠢ ᠪᠠᠶᠢᠴᠠᠭᠠᠨ ᠨᠠᠮᠳᠠᠭᠤᠯᠬᠤ ᠠᠵᠢᠯᠯᠠᠭ᠎ᠠ ᠶᠢ ᠭᠥᠨᠵᠡᠭᠡᠢ ᠦᠷᠨᠢᠭᠦᠯᠦᠨ᠂ ᠨᠠᠶᠢᠭᠡᠮ | ᠤᠨ ᠡᠶ᠎ᠡ ᠵᠤᠬᠢᠴᠠᠯ᠂ ᠳᠣᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠲᠦᠯᠦᠭᠡᠯᠡᠭᠴᠢᠳ ᠡ᠂ ︽ᠠᠷᠪᠠᠨ ᠭᠤᠷᠪᠠᠳᠣᠭᠠᠷ ᠲᠠᠪᠤᠨ ᠵᠢᠯ︾ ᠤᠨ ᠠᠤᠭ᠎ᠠ ᠬᠦᠰᠢᠭᠡ ᠨᠢᠭᠡᠨᠳᠡ | ᠰᠡᠭᠦᠭᠳᠡᠵᠦ᠂ ᠪᠢᠳᠠ ᠰᠢᠨ᠎ᠡ ᠡᠬᠢᠯᠡᠯᠳᠡ ᠶᠢᠨ ᠴᠡᠭ ᠠᠴᠠ ᠰᠢᠨ᠎ᠡ ᠠᠶᠠᠨ ᠢᠶᠠᠨ ᠡᠬᠢᠯᠡᠭᠦᠯᠦᠯ᠎ᠡ᠃ ᠬᠤᠰᠢᠭᠤ ᠨᠠᠮ | ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠪᠤᠯᠤᠨ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠣᠯᠠᠨ | ᠲᠦᠮᠡᠨ ᠤ ᠬᠠᠮᠳᠣ ᠶᠢᠨ ᠪᠦᠯᠭᠦᠮᠳᠠᠯ ᠲᠡᠮᠡᠴᠡᠯ ᠳᠣᠣᠷ᠎ᠠ᠂ ᠮᠠᠨ ᠤ ᠰᠢᠯᠤᠭᠤᠨ ᠬᠦᠬᠡ ᠬᠤᠰᠢᠭᠤᠨ ᠤ ᠮᠠᠷᠭᠠᠰᠢ ᠨᠡᠩ | ᠰᠠᠶᠢᠨ ᠰᠠᠶᠢᠬᠠᠨ ᠪᠤᠯᠬᠤ ᠳᠤ ᠪᠢᠳᠠ ᠪᠠᠳᠣ ᠢᠳᠡᠭᠡᠯ ᠲᠠᠢ ᠪᠠᠶᠢᠨ᠎ᠡ︕ | | | | ︽ ᠵᠠᠰᠠᠭ ᠤᠨ ᠤᠷᠳᠤᠨ ᠤ ᠠᠵᠢᠯ ᠤᠨ ᠢᠯᠡᠳᠬᠡᠯ︾ ᠳᠠᠬᠢ ᠨᠡᠷ᠎ᠡ ᠦᠭᠡ ᠂ ᠨᠡᠷ᠎ᠡ ᠲᠤᠮᠢᠶ᠎ᠠ ᠪᠤᠯᠤᠨ | ᠬᠤᠷᠢᠶᠠᠩᠭᠤᠢ ᠦᠭᠡ ᠶᠢᠨ ᠲᠠᠶᠢᠯᠪᠤᠷᠢ | 1᠂ ︽ᠨᠢᠭᠡ ᠪᠦᠰᠡ ᠨᠢᠭᠡ ᠵᠠᠮ︾᠄ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠪᠠᠶᠢᠯᠳᠤᠬᠤ | ᠪᠤᠳᠤᠯᠭ᠎ᠠ ᠪᠠ 21 ᠳ᠋ᠤᠭᠡᠷ ᠵᠠᠭᠤᠨ ᠤ ᠲᠠᠯᠠᠢ ᠲᠡᠭᠡᠷᠡᠬᠢ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢᠨ | ᠪᠠᠶᠢᠯᠳᠤᠬᠤ ᠪᠤᠳᠤᠯᠭ᠎ᠠ᠃ | 2᠂ ᠬᠠᠩᠭᠠᠯᠭ᠎ᠠ ᠲᠡᠰᠢ ᠬᠡᠯᠪᠡᠶᠢᠬᠦ ᠪᠦᠳᠦᠴᠠ ᠶᠢᠨ ᠴᠢᠨᠠᠷᠳᠠᠢ ᠦᠭᠡᠷᠡᠴᠢᠯᠡᠯᠳᠡ᠄ ᠬᠠᠩᠭᠠᠯᠭ᠎ᠠ ᠶᠢᠨ ᠶᠠᠰᠤ | ᠴᠢᠨᠠᠷ ᠢ ᠲᠡᠭᠡᠭᠰᠢᠯᠡᠭᠦᠯᠬᠦ ᠠᠴᠠ ᠡᠬᠢᠯᠡᠨ᠂ ᠦᠭᠡᠷᠡᠴᠢᠯᠡᠯᠳᠡ ᠶᠢᠨ ᠠᠷᠭ᠎ᠠ ᠬᠡᠯᠪᠡᠷᠢ ᠪᠠᠷ ᠪᠦᠳᠦᠴᠡ ᠶᠢᠨ | ᠲᠤᠬᠢᠷᠠᠭᠤᠯᠤᠯᠳᠠ ᠶᠢ ᠠᠬᠢᠭᠤᠯᠵᠤ᠂ ᠪᠦᠳᠦᠮᠵᠢᠳᠠᠢ ᠬᠠᠩᠭᠠᠯᠭ᠎ᠠ ᠶᠢ ᠦᠷᠭᠡᠳᠭᠡᠨ᠂ ᠬᠠᠩᠭᠠᠯᠭ᠎ᠠ ᠶᠢᠨ ᠪᠦᠳᠦᠴᠡ | ᠶᠢᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠳᠠ ᠳᠤ ᠵᠤᠬᠢᠴᠠᠬᠤ ᠴᠢᠨᠠᠷ ᠪᠤᠯᠤᠨ ᠠᠮᠢᠳᠤᠯᠢᠭ ᠴᠢᠨᠠᠷ ᠢ | ᠲᠡᠭᠡᠭᠰᠢᠯᠡᠭᠦᠯᠦᠨ᠂ ᠪᠦᠬᠦ ᠡᠯᠧᠮᠧᠨ᠋ᠲ ᠶᠢᠨ ᠦᠢᠯᠡᠳᠪᠦᠷᠢᠯᠡᠯ ᠤᠨ ᠨᠤᠷᠮ᠎ᠠ ᠶᠢ ᠲᠡᠭᠡᠭᠰᠢᠯᠡᠭᠦᠯᠵᠦ᠂ ᠦᠷᠭᠡᠨ ᠤᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠢ ᠨᠡᠩ ᠰᠠᠶᠢᠳᠤᠷ ᠬᠠᠩᠭᠠᠨ᠂ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠨᠠᠮ ᠤᠨ ᠲᠦᠪ ᠬᠤᠷᠢᠶ᠎ᠠ ᠠᠴᠠ᠂ ᠪᠦᠳᠦᠴᠡ ᠶᠢᠨ ᠴᠢᠨᠠᠷᠳᠠᠢ | ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠬᠦ ᠪᠤᠯ ᠠᠵᠤ ᠠᠬᠤᠢ ᠶᠢᠨ ᠡᠷᠬᠢᠯᠳᠡ ᠲᠤᠮᠳᠠ ᠲᠤᠩ ᠤᠯᠠᠨ ᠬᠦᠴᠢᠷᠳᠡᠯ | ᠪᠠ ᠠᠰᠠᠭᠤᠳᠠᠯ ᠤᠴᠠᠷᠠᠭᠤᠯᠬᠤ ᠶᠢᠨ ᠴᠢᠬᠤᠯᠠ ᠰᠢᠯᠳᠠᠭᠠᠨ ᠮᠦᠨ︔ ᠪᠦᠳᠦᠮᠵᠢᠳᠠᠢ ᠬᠠᠩᠭᠠᠯᠭ᠎ᠠ ᠨᠢ ᠬᠡᠷᠡᠭᠴᠡᠭᠡ | ᠱᠠᠭᠠᠷᠳᠠᠯᠭ᠎ᠠ ᠶᠢᠨ ᠶᠡᠷᠦᠩᠬᠡᠢ ᠬᠡᠮᠵᠢᠶ᠎ᠡ ᠪᠠ ᠪᠦᠳᠦᠴᠡ ᠶᠢᠨ ᠬᠤᠪᠢᠷᠠᠯᠳᠠ ᠲᠠᠢ ᠵᠤᠬᠢᠴᠠᠵᠤ ᠲᠡᠶᠢᠯᠬᠦ ᠦᠭᠡᠢ ᠪᠠᠶᠢᠳᠠᠯ | ᠲᠤᠤᠷ᠎ᠠ᠂ ᠨᠡᠩ ᠤᠯᠠᠨ ᠬᠦᠴᠦ ᠤᠬᠠᠭᠠᠨ ᠢᠶᠠᠨ ᠬᠠᠩᠭᠠᠯᠭ᠎ᠠ ᠲᠡᠰᠢ ᠬᠡᠯᠪᠡᠶᠢᠬᠦ ᠳᠤ ᠲᠠᠯᠪᠢᠨ᠂ ᠬᠠᠩᠭᠠᠯᠭ᠎ᠠ ᠲᠡᠰᠢ | ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠴᠦᠯᠡᠨ ᠴᠢᠩᠭᠠᠳᠬᠠᠵᠤ᠂ ᠬᠠᠩᠭᠠᠯᠭ᠎ᠠ ᠶᠢᠨ | ᠰᠢᠨᠡᠴᠢᠯᠡᠯᠳᠡ ᠪᠠᠷ ᠱᠠᠭᠠᠷᠳᠠᠯᠭ᠎ᠠ ᠶᠢᠨ ᠨᠡᠮᠡᠭᠳᠡᠯ ᠢ ᠲᠠᠶᠢᠴᠢᠯᠠᠨ᠂ ᠲᠤᠤᠷ᠎ᠠ ᠬᠢᠷᠢ ᠲᠦᠪᠰᠢᠨ ᠲᠠᠢ ᠬᠠᠩᠭᠠᠯᠭ᠎ᠠ | ᠬᠡᠷᠡᠭᠴᠡᠭᠡᠨ ᠤ ᠲᠡᠩᠴᠡᠬᠦᠷᠢᠰᠢᠯ ᠢ ᠦᠨᠳᠦᠷ ᠬᠢᠷᠢ ᠲᠦᠪᠰᠢᠨ ᠳᠤ ᠲᠡᠪᠰᠢᠭᠦᠯᠬᠦ ᠶᠢ ᠪᠡᠶᠡᠯᠡᠭᠦᠯᠬᠦ ᠬᠡᠷᠡᠭᠳᠠᠢ ᠬᠡᠵᠦ | ᠴᠢᠬᠤᠯᠠᠴᠢᠯᠠᠵᠠᠢ᠃ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠴᠢᠩᠭᠠᠳᠬᠠᠬᠤ | ᠳᠤ ᠭᠤᠤᠯ ᠨᠢ ᠦᠢᠯᠡᠳᠪᠦᠷᠢᠯᠡᠯ ᠤᠨ ᠴᠢᠳᠠᠪᠬᠢ ᠦᠯᠡᠭᠦᠳᠡᠬᠦ ᠶᠢ ᠠᠷᠢᠯᠭᠠᠬᠤ᠂ ᠬᠦᠮᠦᠷᠭᠡ ᠳᠤ ᠬᠠᠳᠠᠭᠠᠯᠠᠬᠤ ᠶᠢ | ᠠᠷᠢᠯᠭᠠᠬᠤ᠂ ᠬᠦᠰᠢᠭᠦᠷᠭᠡ ᠶᠢ ᠠᠷᠢᠯᠭᠠᠬᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠬᠳᠠᠯ ᠢᠶᠠᠨ | ᠨᠦᠬᠦᠪᠦᠷᠢᠯᠡᠬᠦ ᠲᠠᠪᠤᠨ ᠵᠤᠷᠪᠤᠰ ᠡᠭᠦᠷᠭᠡ ᠶᠢ ᠰᠠᠶᠢᠳᠤᠷ ᠠᠳᠬᠤᠬᠤ ᠳᠤ ᠪᠤᠢ᠃ | 3᠂ ︽ ᠨᠠᠢᠮᠠᠨ ᠬᠡᠪ ᠲᠠᠭᠤᠷᠢᠶᠠᠯ ᠵᠢᠱᠢᠶ᠎ᠡ ᠦᠵᠡᠭᠦᠯᠬᠦ︾᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠡ | ᠬᠤᠷᠳᠤᠴᠠ ᠶᠢ ᠨᠡᠮᠡᠭᠳᠡᠭᠦᠯᠬᠦ᠂ ᠡᠳ᠋ ᠤᠨ ᠵᠠᠰᠠᠭ ᠤᠨ ᠤᠷᠤᠯᠭ᠎ᠠ᠂ ᠮᠠᠯᠴᠢᠨ ᠲᠠᠷᠢᠶᠠᠴᠢᠳ ᠤᠨ ᠤᠷᠤᠯᠭ᠎ᠠ᠂ ᠰᠤᠶᠤᠯ | ᠵᠢᠭᠤᠯᠴᠢᠯᠠᠯ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ ᠶᠡᠷᠦᠩᠬᠡᠶᠢᠯᠡᠭᠰᠡᠨ ᠵᠦᠷᠯᠢᠭ ᠵᠠᠮ ᠬᠠᠷᠢᠯᠴᠠᠭ᠎ᠠ᠂ | ᠦᠨᠳᠦᠰᠦᠳᠡᠨ ᠤ ᠵᠠᠩ ᠦᠢᠯᠡ ᠪᠠ ᠪᠡᠶ᠎ᠡ ᠲᠠᠮᠢᠷ᠂ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ | ᠠᠪᠢᠶᠠᠨ ᠤ ᠰᠠᠭᠤᠷᠢᠨ ᠭᠠᠵᠠᠷ᠃ | 4᠂ ︽ᠵᠢᠷᠭᠤᠭᠠᠨ ᠰᠢᠪᠳᠤᠯᠤᠯᠳᠠ︾᠄ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠠᠮᠢ ᠠᠬᠤᠢ ᠶᠢᠨ | ᠤᠷᠴᠢᠨ ᠲᠤᠭᠤᠷᠢᠨ ᠤ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ᠂ ᠰᠤᠶᠤᠯ ᠵᠢᠭᠤᠯᠴᠢᠯᠠᠯ᠂ ᠲᠦᠬᠦᠭᠡᠷᠦᠮᠵᠢ | ᠦᠢᠯᠡᠳᠬᠦ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠬᠦᠨ ᠡᠳ᠋ᠰᠢᠭᠦᠯᠬᠦ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠤᠷᠤᠯᠭ᠎ᠠ᠃ | 5᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ᠄ ᠠᠵᠤ ᠠᠬᠤᠢ ᠶᠢᠨ ᠪᠦᠳᠦᠭᠡᠨ | ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠦᠳᠦᠭᠡᠨ | ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ᠃ | 6᠂ ︽ᠲᠦᠷᠪᠡᠨ ᠪᠦᠬᠦ ᠲᠠᠯ᠎ᠠ︾ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ᠄ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ᠂ ᠬᠠᠤᠯᠢ ᠪᠠᠷ | ᠤᠯᠤᠰ ᠢᠶᠠᠨ ᠪᠦᠬᠦ ᠲᠠᠯ᠎ᠠ ᠪᠠᠷ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠃ | 7᠂ ︽ᠵᠢᠷᠭᠤᠭᠠᠨ ᠰᠠᠭᠤᠷᠢᠨ ᠭᠠᠵᠠᠷ︾᠄ ᠪᠡᠭᠡᠵᠢᠩ ᠲᠢᠶᠠᠨᠵᠢᠨ ᠤ ᠠᠮᠢ ᠠᠬᠤᠢ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ ᠪᠤᠬᠢᠷᠳᠤᠯ ᠦᠭᠡᠢ ᠤᠷᠭᠠᠨᠢᠭ ᠢᠳᠡᠭᠡᠨ ᠤ ᠵᠦᠢᠯ ᠢ ᠡᠳ᠋ᠰᠢᠭᠦᠯᠦᠨ ᠪᠤᠯᠪᠠᠰᠤᠷᠠᠭᠤᠯᠬᠤ ᠰᠠᠭᠤᠷᠢᠨ | ᠭᠠᠵᠠᠷ᠂ ᠮᠤᠩᠭᠤᠯ ᠶᠤᠸᠠᠨ ᠤ ᠰᠤᠶᠤᠯ ᠵᠢᠭᠤᠯᠴᠢᠯᠠᠯ ᠤᠨ ᠰᠠᠭᠤᠷᠢᠨ ᠭᠠᠵᠠᠷ᠂ ᠪᠤᠬᠢᠷᠳᠤᠯ ᠦᠭᠡᠢ ᠰᠢᠨ᠎ᠡ ᠡᠨᠧᠷᠬᠢ | ᠶᠢᠨ ᠰᠠᠭᠤᠷᠢᠨ ᠭᠠᠵᠠᠷ᠂ ᠪᠤᠬᠢᠷᠳᠤᠯ ᠦᠭᠡᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠠᠭᠤᠷᠢᠨ | ᠭᠠᠵᠠᠷ᠂ ᠪᠤᠳᠠᠰ ᠤᠨ ᠭᠦᠢᠯᠭᠡᠭᠡᠨ ᠤ ᠲᠦᠪᠯᠡᠷᠡᠭᠦᠯᠵᠦ ᠲᠠᠷᠬᠠᠭᠠᠬᠤ ᠰᠠᠭᠤᠷᠢᠨ ᠭᠠᠵᠠᠷ᠃ | 8᠂ ︽ᠲᠦᠷᠪᠡᠨ ᠵᠠᠭᠤᠨ ᠳ᠋ᠦᠩᠰᠢᠭᠤᠷ︾᠄ ᠡᠨᠧᠷᠬᠢ ᠴᠠᠬᠢᠯᠭᠠᠨ ᠬᠦᠴᠦ᠂ ᠲᠦᠬᠦᠭᠡᠷᠦᠮᠵᠢ ᠦᠢᠯᠡᠳᠬᠦ | ᠵᠢᠴᠢ ᠰᠢᠨ᠎ᠡ ᠮᠠᠲ᠋ᠧᠷᠢᠶᠠᠯ᠂ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ᠂ ᠰᠤᠶᠤᠯ ᠵᠢᠭᠤᠯᠴᠢᠯᠠᠯ ᠤᠨ ᠦᠢᠯᠡᠰ ᠵᠡᠷᠭᠡ | ︽ᠲᠦᠷᠪᠡᠨ ᠵᠠᠭᠤᠨ ᠳ᠋ᠦᠩᠰᠢᠭᠤᠷ︾ ᠤᠨ ᠢᠨᠵᠧᠨᠧᠷᠢᠩ᠃ | 9᠂ ︽ᠵᠢᠷᠭᠤᠭᠠᠨ ᠨᠠᠷᠢᠯᠢᠭ ᠤᠨᠤᠪᠴᠢᠳᠠᠢ︾᠄ ᠶᠠᠳᠠᠭᠤ ᠶᠢ ᠲᠡᠳᠬᠦᠬᠦ ᠨᠢᠭᠤᠷᠯᠠᠯ ᠨᠢ ᠨᠠᠷᠢᠯᠢᠭ | ᠤᠨᠤᠪᠴᠢᠳᠠᠢ᠂ ᠲᠦᠰᠦᠯ ᠤᠨ ᠪᠠᠶᠢᠷᠢᠯᠠᠭᠤᠯᠤᠯᠳᠠ ᠨᠢ ᠨᠠᠷᠢᠯᠢᠭ ᠤᠨᠤᠪᠴᠢᠳᠠᠢ᠂ ᠪᠡᠯᠡ ᠮᠦᠩᠭᠦᠨ ᠤ ᠬᠡᠷᠡᠭᠯᠡᠭᠡ ᠨᠢ | ᠨᠠᠷᠢᠯᠢᠭ ᠤᠨᠤᠪᠴᠢᠳᠠᠢ᠂ ᠠᠷᠭ᠎ᠠ ᠬᠡᠮᠵᠢᠶ᠎ᠡ ᠶᠢ ᠡᠷᠦᠬᠡ ᠳᠤ ᠨᠠᠶᠢᠳᠠᠪᠤᠷᠢᠵᠢᠭᠤᠯᠤᠬᠰᠠᠨ ᠨᠢ ᠨᠠᠷᠢᠯᠢᠭ ᠤᠨᠤᠪᠴᠢᠳᠠᠢ᠂ | ᠲᠤᠰᠬᠤᠨ ᠳᠤ ᠲᠤᠮᠢᠯᠠᠬᠰᠠᠨ ᠬᠦᠮᠦᠨ ᠨᠢ ᠨᠠᠷᠢᠯᠢᠭ ᠤᠨᠤᠪᠴᠢᠳᠠᠢ᠂ ᠶᠠᠳᠠᠭᠤ ᠠᠴᠠ ᠠᠩᠬᠢᠵᠢᠷᠠᠭᠤᠯᠤᠬᠰᠠᠨ ᠦᠷ᠎ᠡ | ᠪᠦᠳᠦᠮᠵᠢ ᠨᠢ ᠨᠠᠷᠢᠯᠢᠭ ᠤᠨᠤᠪᠴᠢᠳᠠᠢ ᠃ | 10᠂ ︽ᠲᠠᠪᠤᠨ ᠨᠢᠭᠡ ᠪᠦᠯᠦᠭ︾᠄ ᠠᠵᠤ ᠦᠢᠯᠡᠰ ᠢᠶᠠᠷ ᠲᠡᠳᠬᠦᠨ ᠨᠢᠭᠡ ᠪᠦᠯᠦᠭ ᠢ ᠶᠠᠳᠠᠭᠤ ᠠᠴᠠ ᠨᠢ | ᠠᠩᠬᠢᠵᠢᠷᠠᠭᠤᠯᠬᠤ᠂ ᠰᠢᠯᠵᠢᠭᠦᠯᠦᠨ ᠠᠵᠢᠯ ᠤᠯᠭᠤᠵᠤ ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ | ᠪᠤᠰᠤᠳ ᠭᠠᠵᠠᠷ ᠲᠤ ᠨᠡᠭᠦᠯᠭᠡᠨ ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ ᠠᠮᠢ ᠠᠬᠤᠢ ᠶᠢᠨ | ᠬᠠᠮᠠᠭᠠᠯᠠᠯᠳᠠ ᠪᠠᠷ ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ ᠨᠡᠶᠢᠭᠡᠮ ᠤᠨ ᠪᠠᠳᠤᠯᠠᠭ᠎ᠠ ᠪᠠᠷ ᠨᠢᠭᠡ | ᠪᠦᠯᠦᠭ ᠢ ᠶᠠᠳᠠᠭᠤ ᠠᠴᠠ ᠨᠢ ᠲᠤᠶᠢᠯᠪᠤᠷᠢᠳᠠᠢ ᠠᠩᠬᠢᠵᠢᠷᠠᠭᠤᠯᠬᠤ ᠃ | 11᠂ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠄ ᠢᠳᠡᠵᠦ ᠡᠮᠦᠰᠬᠦ ᠳᠡᠭᠡᠨ | ᠰᠠᠨᠠᠭ᠎ᠠ ᠵᠤᠪᠠᠭ᠋ᠤ ᠦᠭᠡᠢ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮᠴᠢᠯᠡᠭᠡ ᠪᠤᠯᠤᠨ ᠤᠷᠤᠨ | ᠰᠠᠭᠤᠴᠠ ᠶᠢ ᠪᠠᠳᠤᠯᠠᠬᠤ ᠃ | 12᠂ ︽ ᠠᠮᠢ ᠠᠬᠤᠢ ᠶᠢᠨ ᠰᠡᠷᠡᠮᠵᠢ ᠶᠢᠨ ᠱᠤᠭᠤᠮ︾᠄ ᠪᠠᠶᠢᠭᠠᠯᠢ ᠶᠢᠨ ᠠᠮᠢ ᠠᠬᠤᠢ ᠶᠢᠨ ᠦᠢᠯᠡᠴᠢᠯᠡᠭᠡᠨ | ᠤ ᠴᠢᠳᠠᠪᠬᠢ᠂ ᠤᠷᠴᠢᠨ ᠲᠤᠭᠤᠷᠢᠨ ᠤ ᠶᠠᠰᠤ ᠴᠢᠨᠠᠷ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ | ᠠᠰᠢᠬᠯᠠᠯᠳᠠ ᠵᠡᠷᠭᠡ ᠲᠠᠯ᠎ᠠ ᠲᠡᠭᠡᠷ᠎ᠡ ᠤᠷᠤᠨ ᠵᠠᠢ ᠶᠢᠨ ᠬᠠᠮᠠᠭᠠᠯᠠᠯᠳᠠ ᠶᠢᠨ ᠵᠠᠬ᠎ᠠ ᠵᠠᠭᠠᠭ ᠪᠠ ᠬᠢᠨᠠᠯᠳᠠ ᠲᠠᠯᠪᠢᠨ | ᠬᠠᠮᠢᠶᠠᠷᠬᠤ ᠬᠢᠵᠠᠭᠠᠷᠯᠠᠯ ᠢ ᠴᠢᠩᠭ᠎ᠠ ᠲᠤᠬᠳᠠᠭᠠᠨ᠎ᠠ᠃ | 13. ︽ ᠰᠢᠨ᠎ᠡ ᠭᠤᠷᠪᠠᠨ ᠲᠠᠪᠴᠠᠩ︾᠄ ᠪᠦᠬᠦ ᠤᠯᠤᠰ ᠤᠨ ᠲᠤᠮᠳᠠ ᠪᠠᠭ᠎ᠠ ᠠᠵᠤ ᠠᠬᠤᠶᠢᠯᠠᠯ ᠤᠨ ᠬᠤᠪᠢ | ᠤᠷᠤᠭᠤᠯᠤᠯᠳᠠ ᠶᠢ ᠰᠢᠯᠵᠢᠭᠦᠯᠬᠦ ᠰᠢᠰᠲ᠋ᠧᠮ ᠮᠦᠨ︔ ᠱᠠᠩᠬᠠᠢ ᠶᠢᠨ ᠰᠤᠯᠢᠯᠴᠠᠭᠠᠨ ᠤ ᠭᠠᠵᠠᠷ ᠪᠤᠯᠤᠨ ᠱᠧᠨᠵᠧᠨ ᠤ | ᠰᠤᠯᠢᠯᠴᠠᠭᠠᠨ ᠤ ᠭᠠᠵᠠᠷ ᠤᠨ ᠲᠠᠷᠠᠭᠠᠬᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠵᠦᠪᠰᠢᠶᠡᠷᠡᠨ | ᠪᠠᠶᠢᠭᠤᠯᠤᠬᠰᠠᠨ ᠭᠤᠷᠪᠠᠳᠠᠬᠢ ᠡᠷᠦᠬᠡ ᠵᠤᠭᠤᠰᠤᠨ ᠲᠡᠮᠳᠡᠭᠳᠦ ᠶᠢᠨ ᠰᠤᠯᠢᠯᠴᠠᠭᠠᠨ ᠤ ᠭᠠᠵᠠᠷ ᠪᠤᠯᠤᠨ᠎ᠠ︔ ᠵᠠᠬ᠎ᠠ | ᠶᠢᠨ ᠪᠤᠰᠤ ᠠᠵᠤ ᠠᠬᠤᠶᠢᠯᠠᠯ ᠤᠨ ᠬᠤᠪᠢᠴᠠᠭ᠎ᠠ ᠶᠢ ᠢᠯᠡ ᠪᠠᠷ ᠰᠢᠯᠵᠢᠭᠦᠯᠬᠦ ᠪᠠ ᠴᠢᠭᠯᠡᠯ ᠲᠠᠢ ᠪᠠᠷ ᠲᠠᠷᠬᠠᠭᠠᠬᠤ | ᠤᠷᠤᠨ ᠪᠠᠶᠢᠷᠢ ᠲᠤᠬᠳᠠᠭᠠᠬᠤ᠂ ᠲᠤᠮᠳᠠ ᠪᠠᠭ᠎ᠠ ᠠᠵᠤ ᠠᠬᠤᠶᠢᠯᠠᠯ ᠳᠤ ᠪᠠᠶᠢᠭᠤᠯᠵᠤ ᠦᠭᠭᠦᠭᠰᠡᠨ ᠪᠡᠯᠡ ᠨᠡᠶᠢᠯᠡᠭᠦᠯᠬᠦ | ᠲᠠᠪᠴᠠᠩ ᠪᠤᠯᠤᠨ᠎ᠠ᠃ | 14᠂ ︽PPP ︾ ᠬᠡᠪ ᠵᠠᠬᠪᠤᠷ᠄ Public ︵ᠨᠡᠶᠢᠳᠡ ᠶᠢᠨ ︶ — Private ︵ᠬᠤᠪᠢ | ᠬᠦᠮᠦᠨ ᠤ︶ Partnership ︵ᠬᠠᠮᠳᠤᠷᠠᠬᠰᠠᠨ ᠬᠠᠷᠢᠴᠠᠭ᠎ᠠ︶ ᠶᠢᠨ ᠴᠠᠭᠠᠨ ᠲᠤᠯᠤᠭᠠᠢ ᠶᠢᠨ ᠲᠤᠪᠴᠢᠯᠠᠯ | ᠪᠤᠯᠤᠨ᠎ᠠ︔ ᠵᠠᠰᠠᠭ ᠤᠨ ᠤᠷᠳᠤᠨ ᠪᠤᠯᠤᠨ ᠨᠡᠶᠢᠭᠡᠮ ᠤᠨ ᠪᠡᠯᠡ ᠮᠦᠩᠬᠦ ᠪᠠᠷ ᠰᠠᠭᠤᠷᠢ ᠲᠦᠬᠦᠭᠡᠷᠦᠮᠵᠢ ᠵᠢᠴᠢ ᠤᠯᠠᠨ | ᠨᠡᠶᠢᠳᠡ ᠶᠢᠨ ᠦᠢᠯᠡᠴᠢᠯᠡᠭᠡᠨ ᠤ ᠬᠦᠷᠢᠶᠡᠨ ᠳᠤ ᠪᠠᠶᠢᠭᠤᠯᠤᠬᠰᠠ ᠨᠢᠭᠡ ᠵᠦᠢᠯ ᠤᠨ ᠬᠠᠮᠳᠤᠷᠠᠨ ᠠᠵᠢᠯᠯᠠᠬᠤ | ᠬᠠᠷᠢᠴᠠᠭ᠎ᠠ ᠮᠦᠨ᠃ ᠭᠤᠤᠯ ᠨᠢ ᠨᠡᠶᠢᠭᠡᠮ ᠤᠨ ᠬᠦᠷᠦᠩᠭᠡ ᠠᠴᠠ ᠲᠦᠯᠦᠪᠯᠡᠬᠦ᠂ ᠪᠦᠳᠦᠭᠡᠨ ᠪᠠᠶᠢᠭᠤᠯᠬᠤ᠂ | ᠡᠵᠡᠩᠨᠡᠬᠦ᠂ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ ᠵᠤᠬᠢᠬᠤ ᠪᠡᠯᠡ ᠶᠢᠨ ᠬᠠᠷᠢᠭᠤ ᠤᠯᠵᠤ᠂ ᠵᠠᠰᠠᠭ ᠤᠨ ᠤᠷᠳᠤᠨ | ᠤ ᠰᠠᠯᠠᠭ᠎ᠠ ᠮᠦᠴᠢᠷ ᠠᠴᠠ ᠰᠠᠭᠤᠷᠢ ᠲᠦᠬᠦᠭᠡᠷᠦᠮᠵᠢ ᠵᠢᠴᠢ ᠤᠯᠠᠨ ᠨᠡᠶᠢᠳᠡ ᠶᠢᠨ ᠦᠢᠯᠡᠴᠢᠯᠡᠭᠡᠨ ᠤ ᠦᠨ᠎ᠡ ᠬᠠᠩᠰᠢ | ᠪᠤᠯᠤᠨ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ | 15᠂ ︽ ᠬᠠᠷᠢᠯᠴᠠᠨ ᠬᠠᠪᠰᠤᠷᠤᠯᠴᠠᠬᠤ ᠪᠠᠳᠤᠯᠭᠠᠳᠤ ᠵᠢᠭᠡᠯᠡᠯᠭᠡ ︾᠄ ᠵᠠᠰᠠᠭ ᠤᠨ ᠤᠷᠳᠤᠨ ᠤ ᠬᠠᠮᠢᠶᠠᠳᠠᠢ | ᠰᠠᠯᠠᠭ᠎ᠠ ᠮᠦᠴᠢᠷ ᠨᠢ ᠬᠠᠮᠳᠤᠷᠠᠨ ᠠᠵᠢᠯᠯᠠᠬᠤ ᠪᠠᠩᠬᠢ ᠲᠠᠢ ᠪᠠᠨ ︽ ᠬᠠᠷᠢᠯᠴᠠᠨ ᠬᠠᠪᠰᠤᠷᠤᠯᠴᠠᠬᠤ ᠪᠠᠳᠤᠯᠭᠠᠳᠤ | ᠵᠢᠭᠡᠯᠡᠯᠭᠡ ᠶᠢᠨ ᠮᠦᠩᠭᠦᠨ ᠭᠦᠢᠯᠭᠡᠭᠡᠨ ᠤ ᠪᠡᠯᠡ ᠮᠦᠩᠭᠦ︾ ᠶᠢᠨ ᠲᠤᠬᠠᠶᠢᠯᠠᠬᠰᠠᠨ ᠠᠵᠢᠯ ᠤᠨ ᠬᠠᠮᠳᠤᠷᠠᠨ | ᠠᠵᠢᠯᠯᠠᠬᠤ ᠭᠡᠷ᠎ᠡ ᠲᠤᠬᠳᠠᠵᠤ᠂ ᠠᠵᠤ ᠦᠢᠯᠡᠰ ᠤᠨ ᠬᠡᠯᠬᠢᠶ᠎ᠡ᠂ ᠠᠷᠠᠯᠵᠢᠶ᠎ᠠ ᠬᠤᠳᠠᠯᠳᠤᠭᠠᠨ ᠤ ᠲᠤᠭᠤᠷᠢᠭ᠂ ᠠᠵᠤ | ᠠᠬᠤᠶᠢᠯᠠᠯ ᠤᠨ ᠪᠦᠯᠦᠭᠯᠡᠯ ᠳᠤ ᠪᠡᠯᠡ ᠮᠦᠩᠭᠦ ᠤᠷᠤᠭᠤᠯᠬᠤ ᠠᠵᠢᠯ ᠢ ᠦᠷᠨᠢᠭᠦᠯᠤᠨ᠂ ᠬᠠᠮᠳᠤᠷᠠᠨ ᠠᠵᠢᠯᠯᠠᠬᠤ | ᠬᠡᠪᠴᠢᠶᠡᠨ ᠳᠤ ᠤᠷᠤᠭᠤᠯᠤᠬᠰᠠᠨ ︽ᠲᠤᠮᠳᠠ ᠪᠠᠭ᠎ᠠ ᠠᠵᠤ ᠠᠬᠤᠶᠢᠯᠠᠯ ᠤᠨ ᠪᠦᠯᠦᠭᠯᠡᠯ︾ ᠳᠤ ᠢᠳᠡᠬᠡᠮᠵᠢ ᠬᠠᠩᠭᠠᠨ | ᠂ ᠭᠤᠶᠤᠴᠢᠯᠠᠬᠰᠠᠨ ᠠᠵᠤ ᠠᠬᠤᠶᠢᠯᠠᠯ ᠠᠴᠠ ᠲᠤᠰᠢᠶᠠᠬᠰᠠᠨ ᠵᠤᠬᠢᠬᠤ ᠬᠠᠷᠢᠴᠠᠯ ᠤᠨ ᠬᠠᠷᠢᠯᠴᠠᠨ ᠬᠠᠪᠰᠤᠷᠤᠯᠴᠠᠬᠤ | ᠪᠠᠳᠤᠯᠠᠭ᠎ᠠ ᠶᠢᠨ ᠮᠦᠩᠭᠦ ᠵᠢᠴᠢ ᠵᠠᠰᠠᠭ ᠤᠨ ᠤᠷᠳᠤᠨ ᠠᠴᠠ ᠬᠠᠩᠭᠠᠬᠰᠠᠨ ᠲᠦᠭᠰᠢᠭᠦᠷᠢ ᠶᠢᠨ ᠲᠦᠯᠦᠪᠦᠷᠢ ᠶᠢᠨ | ᠲᠠᠨᠵᠢᠯᠠᠭ᠎ᠠ ᠶᠢᠨ ᠮᠦᠩᠭᠦ ᠪᠠᠷ ᠢᠳᠡᠬᠡᠯ ᠢ ᠨᠡᠮᠡᠭᠳᠡᠭᠦᠯᠬᠦ ᠠᠷᠭ᠎ᠠ ᠠᠪᠴᠢᠯ ᠪᠤᠯᠭᠠᠬᠰᠠᠨ ᠢᠳᠡᠬᠡᠮᠵᠢᠳᠦ ᠠᠵᠢᠯ | ᠪᠤᠯᠤᠨ᠎ᠠ᠃ | 16᠂ ︽ᠢᠨᠲ᠋ᠧᠷ ᠰᠦᠯᠵᠢᠶ᠎ᠡ +︾᠄ ᠨᠡᠭᠦᠳᠡᠯ ᠬᠤᠯᠪᠤᠭᠠᠨ ᠤ ᠢᠨᠲ᠋ᠧᠷ ᠰᠦᠯᠵᠢᠶ᠎ᠡ᠂ ᠰᠦᠯᠵᠢᠶᠡᠨ | ᠪᠤᠳᠤᠯᠳᠠ᠂ ᠶᠡᠭᠡ ᠲᠤᠭ᠎ᠠ ᠪᠠᠷᠢᠮᠳᠠ ᠵᠡᠷᠭᠡ ᠶᠢ ᠤᠳᠤᠬᠢᠴᠢᠯᠠᠬᠰᠠᠨ ᠦᠢᠯᠡᠳᠬᠦ ᠦᠢᠯᠡᠰ ᠲᠠᠢ ᠤᠶᠠᠯᠳᠤᠭᠤᠯᠵᠤ᠂ | ᠡᠯᠺᠧᠲᠷᠤᠨ ᠬᠤᠳᠠᠯᠳᠤᠭ᠎ᠠ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠠ ᠢᠨᠲ᠋ᠧᠷ ᠰᠦᠯᠵᠢᠶᠡᠨ ᠤ | ᠮᠦᠩᠭᠦᠨ ᠭᠦᠢᠯᠭᠡᠭᠡᠨ ᠤ ᠡᠷᠡᠭᠦᠯ ᠬᠦᠭᠵᠢᠯᠳᠡ ᠶᠢ ᠠᠬᠢᠭᠤᠯᠬᠤ ᠶᠢ ᠵᠢᠭᠠᠵᠤ ᠪᠤᠢ᠃ ᠢᠨᠲ᠋ᠧᠷ ᠰᠦᠯᠵᠢᠶ᠎ᠡ ᠶᠢ ᠠᠵᠤ | ᠠᠬᠤᠢ ᠨᠡᠶᠢᠭᠡᠮ ᠤᠨ ᠡᠯ᠎ᠡ ᠬᠦᠷᠢᠶᠡᠨ ᠳᠤ ᠬᠦᠨᠵᠡᠭᠡᠢ ᠵᠤᠬᠢᠴᠠᠭᠤᠯᠵᠤ᠂ ᠢᠨᠲ᠋ᠧᠷ ᠰᠦᠯᠵᠢᠶ᠎ᠡ ᠪᠠᠷ ᠰᠠᠭᠤᠷᠢ | ᠲᠦᠬᠦᠭᠡᠷᠦᠮᠵᠢ ᠪᠠ ᠰᠢᠨᠡᠴᠢᠯᠡᠯᠳᠡ ᠶᠢᠨ ᠭᠤᠤᠯ ᠬᠦᠴᠦᠨ ᠵᠦᠢᠯ ᠪᠤᠯᠭᠠᠬᠰᠠᠨ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠰᠢᠨ᠎ᠡ ᠪᠠᠶᠢᠳᠠᠯ ᠢ ᠪᠦᠷᠢᠯᠳᠦᠭᠦᠯᠵᠤ᠂ ᠢᠨᠲ᠋ᠧᠷ ᠰᠦᠯᠵᠢᠶ᠎ᠡ ᠪᠠᠷ ᠭᠤᠤᠯ ᠪᠤᠯᠭᠠᠬᠰᠠᠨ ᠨᠢᠭᠡᠨ ᠢᠵᠢ | ᠰᠤᠷᠠᠭ ᠵᠠᠩᠬᠢ ᠶᠢᠨ ᠮᠡᠷᠭᠡᠵᠢᠯ ︵ᠨᠡᠭᠦᠳᠡᠯ ᠬᠤᠯᠪᠤᠭᠠᠨ ᠤ ᠢᠨᠲ᠋ᠧᠷ ᠰᠦᠯᠵᠢᠶ᠎ᠡ᠂ ᠡᠭᠦᠯᠡᠨ ᠪᠤᠳᠤᠯᠳᠠ᠂ ᠶᠡᠭᠡ | ᠲᠤᠭ᠎ᠠ ᠪᠠᠷᠢᠮᠳᠠ ᠵᠡᠷᠭᠡ ᠶᠢ ᠪᠠᠭᠳᠠᠭᠠᠨ᠎ᠠ︶ ᠢ ᠠᠵᠤ ᠠᠬᠤᠢ᠂ ᠨᠡᠶᠢᠭᠡᠮ ᠤᠨ ᠠᠮᠢᠳᠤᠷᠠᠯ ᠤᠨ ᠡᠯ᠎ᠡ ᠬᠦᠷᠢᠶᠡᠨ ᠳᠤ | ᠲᠡᠯᠭᠡᠷᠡᠭᠦᠯᠵᠦ᠂ ᠬᠡᠷᠡᠭᠯᠡᠬᠦ ᠶᠠᠪᠤᠴᠠ ᠪᠤᠯᠤᠨ᠎ᠠ᠃ | 17᠂ ︽ᠶᠡᠭᠡ ᠲᠤᠭ᠎ᠠ ᠪᠠᠷᠢᠮᠳᠠ︾᠄ ᠰᠢᠨ᠎ᠡ ᠮᠠᠶ᠋ᠢᠭ ᠤᠨ ᠢᠨᠲ᠋ᠧᠷ ᠰᠦᠯᠵᠢᠶ᠎ᠡ᠂ ᠰᠦᠯᠵᠢᠶᠡᠨ ᠪᠤᠳᠤᠯᠳᠠ | ᠶᠢᠨ ᠮᠡᠷᠭᠡᠵᠢᠯ ᠳᠤ ᠰᠠᠭᠤᠷᠢᠯᠠᠨ᠂ ᠡᠯ᠎ᠡ ᠵᠦᠢᠯ ᠤᠨ ᠲᠤᠭ᠎ᠠ ᠪᠠᠷᠢᠮᠳᠠ ᠶᠢ ᠲᠠᠷᠬᠠᠭᠠᠯᠳᠠ ᠶᠢᠨ ᠬᠡᠯᠪᠡᠷᠢ ᠲᠠᠢ ᠪᠠᠷ | ᠠᠭᠤᠳᠠᠯᠯᠠᠬᠤ᠂ ᠡᠳ᠋ᠰᠢᠬᠦᠯᠬᠦ ᠪᠠ ᠡᠮᠬᠢᠯᠡᠨ ᠲᠢᠭᠯᠢᠵᠦ᠂ ᠪᠠᠭᠳᠠᠭᠠᠮᠵᠢ ᠪᠠᠷ ᠶᠡᠭᠡ᠂ ᠲᠠᠮᠵᠢᠭᠤᠯᠬᠤ ᠨᠢ ᠲᠦᠷᠭᠡᠨ᠂ | ᠲᠤᠭ᠎ᠠ ᠪᠠᠷᠢᠮᠳᠠ ᠶᠢᠨ ᠲᠦᠷᠦᠯ ᠵᠦᠢᠯ ᠨᠢ ᠠᠷᠪᠢᠨ ᠵᠡᠷᠭᠡ ᠤᠨᠴᠠᠯᠢᠭ ᠲᠠᠢ᠃ | 18᠂ ︽ᠭᠤᠷᠪᠠᠨ ᠦᠨᠡᠮᠯᠡᠯ ᠢ ᠨᠢᠭᠡᠳᠣᠭᠦᠯᠬᠦ᠂ ᠨᠢᠭᠡ ᠦᠨᠡᠮᠯᠡᠯ ᠨᠢᠭᠡ ᠨᠤᠮᠧᠷ︾᠄ ᠠᠵᠤ ᠠᠬᠤᠶᠢᠯᠠᠯ | ᠪᠦᠷᠢᠳᠭᠡᠨ ᠲᠠᠩᠰᠠᠯᠠᠭᠤᠯᠬᠤ ᠦᠶᠡᠰ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠬᠢᠨᠠᠨ | ᠲᠠᠷᠬᠠᠭᠠᠬᠰᠠᠨ ᠡᠵᠡᠩᠨᠡᠯᠳᠡ ᠶᠢᠨ ᠦᠨᠡᠮᠯᠡᠯ᠂ ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠰᠠᠯᠠᠭ᠎ᠠ ᠮᠦᠴᠢᠷ | ᠠᠴᠠ ᠬᠢᠨᠠᠨ ᠲᠠᠷᠬᠠᠭᠠᠬᠰᠠᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠭᠡᠯᠡᠬᠦ ᠲᠡᠮᠳᠡᠭ ᠤᠨ | ᠦᠨᠡᠮᠯᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠬᠢᠨᠠᠨ ᠲᠠᠷᠬᠠᠭᠠᠬᠰᠠᠨ ᠭᠠᠶᠢᠯᠢ ᠶᠢᠨ ᠶᠠᠪᠤᠳᠠᠯ ᠤᠨ | ᠲᠠᠩᠰᠠᠯᠠᠬᠤ ᠦᠨᠡᠮᠯᠡᠯ ᠵᠡᠷᠭᠡ ᠶᠢ ᠨᠢᠭᠡ ᠤᠳᠠᠭ᠎ᠠ ᠭᠤᠶᠤᠴᠢᠯᠠᠬᠤ ᠪᠠᠷ ᠦᠭᠡᠷᠡᠴᠢᠯᠡᠵᠦ᠂ ᠦᠢᠯᠡᠳᠪᠦᠷᠢ | ᠬᠤᠳᠠᠯᠳᠤᠭᠠᠨ ᠤ ᠰᠠᠯᠠᠭ᠎ᠠ ᠮᠦᠴᠢᠷ ᠠᠴᠠ ᠨᠢᠭᠡ ᠡᠵᠡᠩᠨᠡᠯᠳᠡ ᠶᠢᠨ ᠦᠨᠡᠮᠯᠡᠯ ᠢ ᠨᠢᠭᠡᠳᠦᠯᠳᠠᠢ ᠬᠢᠨᠠᠨ ᠲᠠᠷᠬᠠᠭᠠᠵᠤ᠂ | ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠭᠡᠯᠡᠬᠦ ᠲᠡᠮᠳᠡᠭ ᠤᠨ ᠦᠨᠡᠮᠯᠡᠯ᠂ ᠭᠠᠶᠢᠯᠢ ᠶᠢᠨ ᠶᠠᠪᠤᠳᠠᠯ | ᠤᠨ ᠲᠠᠩᠰᠠᠯᠠᠬᠤ ᠦᠨᠡᠮᠯᠡᠯ ᠢ ᠲᠠᠬᠢᠨ ᠲᠠᠷᠬᠠᠭᠠᠬᠤ ᠦᠭᠡᠢ᠃ | 19᠂ ︽ᠨᠢᠭᠡ ᠡᠷᠦᠬᠡ ᠳᠤ ᠨᠢᠭᠡ ᠬᠡᠮᠵᠢᠭᠦᠷ︾᠄ ᠤᠤᠯ ᠤᠨ ᠮᠧᠬᠠᠨᠢᠭ ᠬᠡᠯᠪᠡᠷᠢ ᠶᠢᠨ ᠴᠠᠬᠢᠯᠭᠠᠨ ᠬᠡᠮᠵᠢᠭᠦᠷ | ᠢ ᠡᠯᠧᠺᠲᠷᠤᠨ ᠬᠡᠯᠪᠡᠷᠢ ᠶᠢᠨ ᠰᠦᠢᠳᠭᠡᠯ ᠡᠵᠡᠮᠳᠡᠬᠦ ᠴᠠᠬᠢᠯᠭᠠᠨ ᠬᠡᠮᠵᠢᠭᠦᠷ ᠢᠶᠠᠷ ᠦᠭᠡᠷᠡᠴᠢᠯᠡᠨ᠎ᠡ᠃ | 20᠂ ︽ᠲᠦᠷᠪᠡᠨ ᠵᠦᠪᠰᠢᠶᠡᠷᠡᠨ ᠮᠡᠳᠡᠷᠡᠬᠦ︾᠄ ᠠᠭᠤᠤ ᠶᠡᠭᠡ ᠡᠬᠡ ᠤᠯᠤᠰ ᠢᠶᠠᠨ ᠵᠦᠪᠰᠢᠶᠡᠷᠡᠨ | ᠮᠡᠳᠡᠷᠡᠬᠦ᠂ ᠲᠤᠮᠳᠠᠳᠤ ᠶᠢᠨ ᠦᠨᠳᠦᠰᠦᠳᠡᠨ ᠢᠶᠠᠨ ᠵᠦᠪᠰᠢᠶᠡᠷᠡᠨ ᠮᠡᠳᠡᠷᠡᠬᠦ᠂ ᠲᠤᠮᠳᠠᠳᠤ ᠶᠢᠨ ᠰᠤᠶᠤᠯ ᠢᠶᠠᠨ | ᠵᠦᠪᠰᠢᠶᠡᠷᠡᠨ ᠮᠡᠳᠡᠷᠡᠬᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠨ ᠵᠦᠪᠰᠢᠶᠡᠷᠡᠨ | ᠮᠡᠳᠡᠷᠡᠬᠦ ᠃ | |