ᠮᠠᠨ ᠤ ᠤᠯᠤᠰ ᠲᠦᠷᠢᠶᠡᠰᠦᠨ ᠮᠠᠰᠢᠨ ᠲᠡᠷᠭᠡᠨ ᠤ ︽ᠳᠡᠰᠭᠡᠬᠦ ᠵᠤᠭᠤᠰ︾᠎ ᠤᠨ ᠳᠦᠷᠢᠮ ᠳᠤ  ᠲᠤᠬᠢᠷᠠᠭᠤᠯᠤᠯᠲᠠ ᠬᠢᠵᠠᠢ
ᠨᠡᠶᠢᠲᠡᠯᠡᠭᠰᠡᠨ ᠴᠠᠭ᠄
2016/8/5
    ᠲᠦᠷᠦᠭᠦᠬᠡᠨ ᠤᠯᠤᠰ ᠤᠨ ᠲᠦᠷᠢᠶᠡᠰᠦᠨ ᠮᠠᠰᠢᠨ ᠲᠡᠷᠭᠡᠨ ᠤ ᠦᠭᠡᠷᠡᠴᠢᠯᠡᠯᠲᠡ ᠶᠢᠨ ᠲᠦᠰᠦᠯ ᠨᠡᠶᠢᠳᠡᠯᠡᠭᠳᠡᠬᠦ ᠶᠢ ᠳᠠᠭᠠᠯᠳᠤᠨ᠂ ᠮᠠᠨ ᠤ ᠤᠯᠤᠰ ᠤᠨ 30 ᠭᠠᠷᠤᠢ ᠵᠢᠯ ᠤᠨ ᠲᠤᠷᠰᠢ ᠨᠢᠭᠡᠨᠳᠡ ᠬᠡᠪᠰᠢᠭᠰᠡᠨ ᠲᠦᠷᠢᠶᠡᠰᠦᠨ ᠮᠠᠰᠢᠨ ᠲᠡᠷᠭᠡᠨ ᠤ ︽ᠳᠡᠰᠭᠡᠬᠦ ᠵᠤᠭᠤᠰ︾᠎ ᠤᠨ ᠳᠦᠷᠢᠮ ᠦᠭᠡᠷᠡᠴᠢᠯᠡᠯᠳᠡ ᠳᠤ ᠤᠴᠠᠷᠠᠵᠠᠢ᠃       ᠤᠯᠤᠰ ᠤᠨ ᠵᠠᠮ ᠲᠡᠭᠡᠭᠡᠪᠦᠷᠢ ᠶᠢᠨ ᠬᠡᠯᠳᠡᠰ ᠤᠨ ᠳᠡᠳ᠋ ᠰᠠᠶᠢᠳ ᠯᠢᠦ ᠰᠢᠶᠤᠤ ᠮᠢᠩ ᠤᠨ ᠬᠡᠯᠡᠬᠦ ᠪᠠᠷ᠂ ︽ᠳᠡᠰᠭᠡᠬᠦ ᠵᠤᠭᠤᠰ︾᠎ ᠤᠨ ᠦᠭᠡᠷᠡᠴᠢᠯᠡᠯᠲᠡ ᠳᠦᠷᠪᠡᠨ ᠲᠠᠯ ᠎ᠠ ᠳᠤ ᠬᠤᠯᠪᠤᠭᠳᠠᠨ᠎ᠠ᠄ ᠨᠢᠭᠡ ᠳᠤ᠂ ᠡᠵᠡᠩᠨᠡᠯᠲᠠ ᠶᠢᠨ ᠡᠷᠬᠡ ᠶᠢ ᠲᠦᠯᠦᠪᠤᠷᠢ ᠲᠠᠢ ᠬᠡᠷᠡᠭᠯᠡᠬᠦ ᠶᠢ ᠦᠭᠡᠶᠢᠰᠭᠡᠨ᠎ᠠ᠂ ᠡᠨᠡ ᠨᠢ ︽ᠳᠡᠰᠭᠡᠬᠦ ᠵᠤᠭᠤᠰ︾᠎ ᠢ ᠵᠤᠬᠢᠬᠤ ᠬᠡᠮᠵᠢᠶ᠎ᠡ ᠪᠠᠷ ᠪᠠᠭᠤᠷᠠᠭᠤᠯᠬᠤ ᠪᠦᠭᠡᠳ ᠤᠯᠠᠮᠵᠢᠯᠠᠯᠲᠦ ᠲᠦᠷᠢᠶᠡᠰᠦᠨ ᠮᠠᠰᠢᠨ ᠲᠡᠷᠭᠡ ᠪᠠ ᠰᠦᠯᠵᠢᠶ ᠎ᠡ ᠪᠠᠷ ᠪᠤᠯᠵᠤᠬᠤ ᠲᠡᠷᠭᠡ ᠶᠢᠨ ᠰᠢᠨ᠎ᠡ ᠬᠠᠭᠤᠴᠢᠨ ᠦᠢᠯᠡᠰ ᠤᠨ ᠲᠦᠪ ᠭᠤᠤᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠤᠷᠴᠢᠨ ᠨᠦᠬᠦᠴᠡᠯ ᠢ ᠪᠤᠢ ᠪᠤᠯᠭᠠᠨ᠎ᠠ᠃       ᠬᠤᠶᠠᠷ ᠲᠤ᠂ ᠳᠠᠭᠠᠭᠠᠴᠢᠯᠠᠨ ᠡᠵᠡᠩᠨᠡᠬᠦ ᠠᠷᠭ᠎ᠠ ᠬᠡᠯᠪᠡᠷᠢ ᠶᠢ ᠵᠢᠷᠤᠮᠵᠢᠭᠤᠯᠤᠨ᠎ᠠ᠃ ᠳᠠᠭᠠᠭᠠᠴᠢᠯᠠᠨ ᠡᠵᠡᠩᠨᠡᠬᠦ ᠬᠦᠮᠦᠰ ᠡᠷᠬᠡᠪᠰᠢ ᠬᠤᠪᠢ ᠪᠠᠷ ᠢᠶᠠᠨ ᠡᠵᠡᠩᠨᠡᠬᠦ ᠬᠢᠷᠢ ᠭᠡᠮ ᠪᠠᠶᠢᠵᠤ᠂ ᠡᠵᠡᠩᠨᠡᠯᠳᠡ ᠶᠢᠨ ᠠᠵᠢᠯ ᠳᠤ ᠰᠢᠭᠤᠳ ᠤᠷᠤᠯᠴᠠᠬᠤ ᠬᠡᠷᠡᠭᠲᠡᠢ᠂ ᠳᠠᠮᠵᠢᠭᠤᠯᠤᠨ ᠳᠠᠭᠠᠭᠠᠴᠢᠯᠠᠭᠤᠯᠵᠤ ᠪᠤᠯᠬᠤ ᠦᠭᠡᠢ᠃       ᠭᠤᠷᠪᠠ ᠳᠤ᠂ ︽ᠳᠡᠰᠭᠡᠬᠦ ᠵᠤᠭᠤᠰ︾᠎ ᠢ ᠬᠠᠮᠲᠦᠪᠡᠷ ᠵᠦᠪᠳᠡᠬᠦ ᠲᠤᠭᠳᠠᠴᠠ ᠶᠢ ᠪᠠᠶᠢᠭᠤᠯᠤᠨ᠎ᠠ᠃ ᠠᠵᠢᠯ ᠲᠦᠷᠦᠯ ᠤᠨ ᠨᠡᠶᠢᠭᠡᠮᠯᠢᠭ ᠪᠠ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠲᠠ ᠡᠷᠬᠡ ᠲᠡᠭᠰᠢ ᠪᠠᠷ ᠵᠦᠪᠳᠡᠯᠴᠡᠨ᠎ᠠ᠂ ᠠᠵᠢᠯ ᠲᠦᠷᠦᠯ ᠤᠨ ᠨᠡᠶᠢᠭᠡᠮᠯᠢᠭ ᠠᠵᠤ ᠠᠬᠤᠢᠢᠯᠠᠯ ᠢ ᠲᠦᠯᠦᠭᠡᠯᠡᠵᠤ᠂ ᠠᠵᠢᠯᠴᠢᠨ ᠤ ᠡᠪᠯᠡᠯ ᠵᠢᠯᠤᠭᠤᠴᠢ ᠶᠢ ᠲᠦᠯᠦᠭᠡᠯᠡᠨ᠎ᠠ᠃     ᠳᠦᠷᠪᠡ ᠳᠤ᠂ ᠢᠨᠲ᠋ᠧᠷ ᠰᠦᠯᠵᠢᠶ᠎ᠡ ᠶᠢᠨ ᠮᠡᠷᠭᠡᠵᠢᠯ ᠢ ᠠᠰᠢᠬᠯᠠᠵᠥ᠂ ᠠᠰᠢᠭ ᠬᠤᠪᠢᠶᠠᠷᠢᠯᠠᠬᠤ ᠠᠷᠭ᠎ᠠ ᠬᠡᠯᠪᠡᠷᠢ ᠶᠢ ᠦᠭᠡᠷᠡᠴᠢᠯᠡᠨ᠎ᠡ᠃ ᠠᠰᠢᠭ ᠲᠤᠰᠠ ᠪᠠ ᠲᠦᠭᠰᠢᠭᠦᠷᠢ ᠶᠢ ᠬᠠᠮᠲᠦᠪᠡᠷ ᠡᠭᠦᠷᠭᠡᠯᠡᠵᠤ᠂ ᠠᠰᠢᠭ ᠲᠤᠰᠠ ᠶᠢ ᠵᠤᠬᠢᠰᠲᠠᠢ ᠬᠤᠪᠢᠶᠠᠷᠢᠯᠠᠬᠤ ᠡᠵᠡᠩᠨᠡᠯᠲᠡ ᠶᠢᠨ ᠵᠠᠭᠪᠤᠷ ᠢ ᠪᠠᠶᠢᠭᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号