ᠪᠠᠷᠠᠭᠤᠨ ᠦᠵᠦᠮᠦᠴᠢᠨ ᠬᠤᠰᠢᠭᠤ ᠲᠡᠷᠢᠭᠦᠨ ᠤ ᠪᠠᠭᠰᠢ ᠠᠵᠢᠯᠲᠠᠨ ᠲᠡᠷᠢᠭᠦᠨ ᠤ ᠬᠠᠮᠲᠤ ᠨᠢᠭᠡᠴᠡ ᠪᠠᠨ ᠱᠠᠩᠨᠠᠨ ᠬᠦᠬᠢᠭᠦᠯᠪᠡ
ᠨᠡᠶᠢᠲᠡᠯᠡᠭᠰᠡᠨ ᠴᠠᠭ᠄
2016/9/12
    9 ᠳ᠋ᠤᠭᠡᠷ ᠰᠠᠷ᠎ᠡ ᠶᠢᠨ 7 ᠤ ᠡᠳᠤᠷ᠂ ᠪᠠᠷᠠᠭᠤᠨ ᠦᠵᠦᠮᠦᠴᠢᠨ ᠬᠤᠰᠢᠭᠤ ᠭᠤᠴᠢᠨ ᠬᠤᠶᠠᠳᠠᠬᠢ ᠪᠠᠭᠰᠢ ᠶᠢᠨ ᠪᠠᠶᠡᠷ ᠢ ᠪᠡᠯᠬᠡᠯᠡᠬᠦ ᠵᠢᠴᠢ ᠲᠡᠷᠢᠬᠦᠨ ᠤ ᠪᠠᠭᠰᠢ ᠠᠵᠢᠯᠳᠠᠨ ᠢ ᠰᠠᠶᠢᠰᠢᠶᠠᠨ ᠬᠦᠬᠢᠬᠦᠯᠬᠦ ᠶᠡᠭᠡ ᠬᠤᠷᠠᠯ ᠬᠤᠷᠠᠯᠳᠤᠭᠤᠯᠪᠠ     ᠬᠤᠷᠠᠯ ᠲᠡᠭᠡᠷ᠎ᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ 151 ︽ᠪᠦᠬᠦ ᠬᠤᠰᠢᠭᠤᠨ ᠤ ᠰᠢᠯᠢᠲᠡᠭ ᠪᠠᠭᠰᠢ︾᠂ ︽ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠢᠯᠢᠲᠡᠭ ᠠᠵᠢᠯᠲᠠᠨ︾᠂ ︽ᠪᠦᠬᠦ ᠬᠤᠰᠢᠭᠤᠨ ᠤ ᠰᠣᠷᠭᠠᠭᠤᠯᠢ ᠶᠢᠨ ᠰᠢᠯᠢᠲᠡᠭ ᠲᠠᠷᠤᠭ᠎ᠠ ︵ᠬᠡᠦᠬᠡᠳ ᠤᠨ ᠴᠡᠴᠡᠷᠯᠢᠭ ᠤᠨ ᠲᠠᠷᠤᠭ᠎ᠠ︶︾᠂ ︽ᠪᠦᠬᠦ ᠬᠤᠰᠢᠭᠤᠨ ᠤ ᠰᠢᠯᠢᠲᠡᠭ ᠠᠩᠬᠢ ᠶᠢᠨ ᠡᠷᠬᠢᠯᠡᠭᠴᠢ︾᠂ ︽ᠪᠦᠬᠦ ᠬᠤᠰᠢᠭᠤᠨ ᠤ ᠶᠤᠰᠤ ᠰᠣᠷᠲᠠᠬᠤᠨ ᠤ ᠰᠢᠯᠢᠲᠡᠭ ᠠᠵᠢᠯᠲᠠᠨ︾ ᠢ ᠱᠠᠩᠨᠠᠨ ᠬᠦᠬᠢᠭᠦᠯᠦᠭᠰᠡᠨ ᠪᠦᠭᠡᠳ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠠᠴᠠ ᠪᠠᠰᠡ 2015 — 2016 ᠤᠨ ᠤ ᠰᠤᠷᠤᠯᠭ᠎ᠠ ᠶᠢᠨ ᠵᠢᠯ ᠳᠠᠬᠢ ᠲᠤᠮᠲᠠᠳᠤ ᠪᠠᠭ᠎ᠠ ᠰᠣᠷᠭᠠᠭᠤᠯᠢ᠂ ᠬᠡᠦᠬᠡᠳ ᠤᠨ ᠴᠡᠴᠡᠷᠯᠢᠭ ᠤᠨ ᠵᠢᠭᠠᠨ ᠰᠣᠷᠭᠠᠬᠤ ᠬᠢᠷᠢ ᠪᠦᠳᠦᠮᠵᠢ ᠬᠢᠭᠡᠳ ᠬᠠᠮᠢᠶᠠᠷᠤᠯᠲᠠ ᠶᠢᠨ ᠦᠷ᠎ᠡ ᠪᠦᠳᠦᠮᠵᠢ ᠲᠤᠪᠤᠶᠢᠮ᠎ᠠ ᠠᠩᠭᠢ ᠨᠢᠭᠡᠴᠡ ᠪᠠ ᠰᠢᠯᠢᠲᠡᠭ ᠠᠩᠬᠢ ᠶᠢᠨ ᠡᠷᠬᠢᠯᠡᠭᠴᠢ᠂ ᠵᠢᠭᠠᠨ ᠰᠤᠷᠭᠠᠯᠳᠠ ᠶᠢᠨ ᠬᠢᠷᠢ ᠪᠦᠳᠦᠮᠵᠢ ᠲᠤᠪᠤᠶᠢᠭᠰᠠᠨ ᠡᠯ᠎ᠡ ᠬᠢᠴᠢᠶᠡᠯ ᠲᠦᠷᠦᠯ ᠤᠨ ᠪᠠᠭᠰᠢ᠂ ᠡᠯ᠎ᠡ ᠲᠡᠰ ᠤᠨ ᠲᠠᠮᠢᠷ ᠤᠷᠠᠯᠢᠭ ᠤᠨ ᠲᠦᠷᠦᠯ ᠤᠨ ᠤᠷᠤᠯᠳᠤᠭᠠᠨ ᠤ ᠬᠢᠷᠢ ᠪᠦᠳᠦᠮᠵᠢ ᠲᠤᠪᠤᠶᠢᠮ᠎ᠠ ᠰᠣᠷᠭᠠᠭᠴᠢ ᠪᠠ ᠵᠢᠯᠤᠭᠤᠳᠤᠭᠴᠢ ᠪᠠᠭᠰᠢ ᠵᠡᠷᠭᠡ ᠨᠡᠶᠢᠲᠡ 424 ︵ᠬᠦᠮᠦᠨ ᠤᠲᠠᠭ᠎ᠠ︶ ᠰᠢᠯᠢᠲᠡᠭ ᠪᠠᠭᠰᠢ ᠪᠠ ᠡᠯ᠎ᠡ ᠱᠠᠳᠤᠨ ᠤ 18 ᠲᠡᠷᠢᠭᠦᠨ ᠤ ᠬᠠᠮᠳᠤ ᠨᠡᠶᠢᠲᠡ ᠶᠢ ᠰᠠᠶᠢᠰᠢᠶᠠᠨ ᠬᠦᠬᠢᠭᠦᠯᠵᠦ᠂ ᠨᠡᠶᠢᠳᠡ 176 ᠲᠦᠮᠡ ᠭᠠᠷᠦᠢ ᠲᠦᠭᠦᠷᠢᠭ ᠢᠶᠠᠷ ᠱᠠᠩᠨᠠᠨ ᠬᠦᠬᠢᠬᠦᠯᠦᠭᠰᠡᠨ ᠪᠠᠶᠢᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号