ᠰᠢᠨ᠎ᠠ ᠠᠵᠤ ᠥᠢᠯᠡᠰ ᠢᠶᠠᠷ ᠲᠡᠭᠵᠢᠷᠡᠯ ᠤᠨ ᠵᠠᠮ ᠢᠶᠠᠨ ᠡᠯᠭᠦᠭᠰᠡᠨ ᠨᠡᠭᠦᠳᠡᠯ ᠠᠷᠠᠳ ᠤᠨ ᠲᠤᠰᠬᠤᠨ
ᠨᠡᠶᠢᠲᠡᠯᠡᠭᠰᠡᠨ ᠴᠠᠭ᠄
2016/9/19
    ᠰᠠᠩ ᠤᠨ ᠲᠠᠯᠠᠢ ᠪᠠᠯᠭᠠᠰᠤᠨ ᠠᠴᠠ ᠮᠤᠷᠲᠠᠵᠥ᠂ 207 ᠤᠯᠤᠰ ᠤᠨ ᠵᠠᠮ ᠢᠶᠠᠷ ᠬᠤᠶᠢᠰᠢ ᠠᠷᠪᠠ ᠭᠠᠷᠤᠢ ᠺᠢᠯᠤᠮᠧᠲᠷ ᠠᠶᠠᠯᠠᠵᠥ᠂ ᠲᠠᠬᠢᠨ ᠪᠠᠷᠠᠭᠤᠨᠰᠢ ᠱᠥᠢᠨᠢ ᠵᠠᠮ ᠢᠶᠠᠷ ᠪᠠᠭ᠎ᠠ ᠯᠠ ᠲᠤᠲᠤᠭᠰᠢᠯᠠᠪᠠᠯ ᠡᠸᠦ᠋ᠷᠥᠫᠠ ᠮᠠᠶ᠋ᠢᠭ ᠤᠨ ᠤᠷᠤᠨ ᠰᠠᠭᠤᠴᠠ ᠮᠥᠷ ᠮᠥᠷ ᠢᠶᠠᠷ ᠵᠢᠭᠲᠡᠷᠡᠭᠰᠡᠨ᠂ ᠵᠡᠭᠡᠯᠢ ᠭᠤᠲᠤᠮᠵᠢ ᠨᠢ ᠡᠮᠬᠢ ᠴᠡᠭᠴᠡ ᠲᠠᠢ ᠴᠡᠪᠡᠷ ᠴᠡᠮᠴᠡᠭᠡᠷ ᠨᠢᠭᠡᠨ ᠵᠢᠵᠢᠭ ᠲᠤᠰᠬᠤᠨ ᠬᠠᠷᠠᠭᠠᠨ ᠳᠤ ᠲᠤᠲᠤᠷᠬᠠᠤ ᠨᠢ ᠰᠢᠯᠤᠭᠤᠨ ᠬᠥᠭᠡ ᠬᠤᠰᠢᠭᠤᠨ ᠤ ᠰᠠᠩ ᠤᠨ ᠲᠠᠯᠠᠢ ᠪᠠᠯᠭᠠᠰᠤ ᠶᠢᠨ ᠶᠡᠬᠡᠲᠡᠯ᠎ᠠ ᠭᠠᠴᠠᠭᠠᠨ ᠤ ᠰᠠᠭᠤᠷᠢᠰᠢᠯ ᠠᠵᠢ᠃ ᠪᠢᠳᠠᠨ ᠢ ᠤᠴᠢᠭᠰᠠᠨ ᠡᠲᠥᠷ ᠲᠤᠰ ᠭᠠᠴᠠᠭᠠᠨ ᠤ ᠬᠢᠨ 62 ᠬᠥᠮᠥᠨ ᠢᠶᠠᠷ ᠪᠥᠷᠢᠯᠲᠥᠭᠰᠡᠨ ᠨᠢᠭᠡᠨ ᠵᠤᠭᠠᠴᠠᠯ ᠤᠨ ᠪᠥᠯᠬᠦᠮ ᠢ ᠤᠭᠲᠤᠨ᠎ᠠ ᠬᠡᠵᠥ ᠵᠥᠭ ᠵᠥᠭ ᠲᠡᠭᠡᠨ ᠶᠠᠭᠠᠷᠠᠯᠲᠤᠵᠥ ᠪᠠᠶᠢᠭᠰᠠᠨ ᠤᠴᠢᠷ ᠰᠤᠷᠪᠤᠯᠵᠢᠯᠠᠭ᠎ᠠ ᠮᠠᠨᠢ ᠴᠥ ᠲᠠᠲᠠᠨ ᠤ ᠠᠵᠢᠯ ᠤᠨ ᠵᠠᠪᠰᠠᠷ ᠪᠠᠴᠢᠮᠬᠠᠨ ᠶᠠᠪᠤᠭᠲᠠᠭᠰᠠᠨ ᠶᠤᠮ᠃       ᠬᠤᠯᠠᠠ ᠰᠢᠷᠭ᠎ᠠ ᠲᠠᠭ᠎ᠠ ᠶᠢᠨ ᠡᠯᠡᠰᠥᠨ ᠬᠥᠨ ᠳᠤ ᠪᠠᠶᠢᠷᠢᠯᠠᠭᠰᠠᠨ 6.3 ᠲᠥᠮᠡᠨ ᠮᠥ ᠨᠤᠲᠤᠭ ᠪᠡᠯᠴᠢᠭᠡᠷ ᠲᠠᠢ ᠶᠡᠬᠡᠲᠠᠯ᠎ᠠ ᠭᠠᠴᠠᠭᠠᠨ ᠳᠤ 179 ᠡᠷᠥᠭᠡ ᠶᠢᠨ 375 ᠬᠥᠮᠥᠨ ᠠᠮᠠ ᠠᠵᠤ ᠲᠥᠷᠥᠵᠥ ᠪᠤᠢ᠃ ᠲᠤᠰ ᠵᠠᠭᠤᠨ ᠤ ᠡᠬᠢᠨ ᠳᠤ ᠪᠤᠯᠤᠭᠰᠠᠨ ᠭᠠᠨᠭ᠌ ᠭᠠᠴᠢᠭ ᠠᠴᠠ ᠪᠤᠯᠵᠥ᠂ ᠬᠥᠮᠥᠨ ᠤᠯᠠᠨ ᠪᠡᠯᠴᠢᠭᠡᠷ ᠢᠪᠴᠤᠥ ᠡᠨᠡ ᠨᠤᠲᠤᠭ ᠤᠨ ᠮᠠᠯᠴᠢᠳ ᠨᠤᠲᠤᠭ ᠲᠡᠭᠡᠷ᠎ᠠ ᠪᠠᠨ ᠮᠠᠯ ᠮᠠᠯᠵᠢᠬᠤ ᠳᠤ ᠪᠡᠷᠭᠡᠲᠡᠢ ᠪᠤᠯᠤᠭᠰᠠᠨ ᠠᠴᠠ ᠨᠠᠮ ᠵᠠᠰᠠᠭ ᠤᠨ ᠤᠷᠢᠶᠠᠯᠠᠭ᠎ᠠ ᠶᠢ ᠲᠠᠭᠠᠵᠥ᠂ ᠪᠡᠯᠴᠢᠭᠡᠷ ᠨᠤᠲᠤᠭ ᠢᠶᠠᠨ ᠪᠢᠲᠡᠬᠦᠮᠵᠢᠯᠡᠨ᠂ ᠤᠲᠤ ᠶᠢᠨ ᠰᠠᠭᠤᠷᠢᠰᠢᠯ ᠳᠤ ᠪᠥᠬᠦᠨ ᠢᠶᠠᠷ ᠢᠶᠠᠨ ᠨᠡᠬᠦᠨ ᠢᠷᠡᠵᠥ᠂ ᠰᠠᠭᠠᠯᠢ ᠶᠢᠨ ᠥᠨᠢᠶ᠎ᠠ ᠮᠠᠯᠵᠢᠭᠰᠠᠨ ᠪᠢᠯᠡ᠃ ᠡᠨᠡ ᠨᠢ ᠲᠤᠰ ᠭᠠᠴᠠᠭᠠᠨ ᠤ ᠠᠩᠬᠠᠲᠠᠭᠴᠢ ᠤᠲᠠᠭᠠᠨ ᠤ ᠠᠵᠤ ᠥᠢᠯᠡᠰ ᠤᠨ ᠪᠥᠲᠥᠴᠡ ᠶᠢᠨ ᠲᠤᠬᠢᠷᠠᠭᠤᠯᠤᠯᠲᠠ ᠪᠤᠯᠤᠨ᠎ᠠ᠃       ᠤᠢᠢᠷ᠎ᠠ ᠶᠢᠨ ᠵᠢᠯ ᠠᠴᠠ ᠰᠥ ᠶᠢᠨ ᠥᠨ᠎ᠠ ᠪᠠᠭᠤᠷᠠᠵᠥ᠂ ᠲᠡᠵᠢᠭᠡᠯ ᠪᠤᠷᠲᠤᠭᠠᠨ ᠤ ᠥᠨ᠎ᠠ ᠨᠡᠮᠡᠭᠲᠡᠭᠰᠡᠨ ᠵᠡᠷᠭᠡ ᠰᠢᠯᠲᠠᠭᠠᠨ ᠠᠴᠠ ᠪᠤᠯᠵᠥ᠂ ᠰᠠᠭᠠᠯᠢ ᠶᠢᠨ ᠥᠢᠯᠡᠰ ᠰᠠᠭᠠᠳ ᠲᠤ ᠤᠴᠠᠷᠠᠵᠥ᠂ ᠶᠡᠭᠡᠲᠡᠯ᠎ᠠ ᠭᠠᠴᠠᠭᠠᠨ ᠤ ᠮᠠᠯᠴᠢᠳ ᠲᠤ ᠬᠥᠴᠢᠷᠲᠡᠯ ᠲᠤᠯᠭᠠᠷᠠᠭᠰᠠᠨ ᠠᠴᠠ ᠠᠮᠢᠲᠤᠷᠠᠯ ᠤᠨ ᠡᠷᠭᠡ ᠪᠠᠷ ᠭᠠᠲᠠᠭᠰᠢ ᠭᠠᠷᠴᠥ ᠠᠵᠢᠯ ᠬᠢᠬᠦ ᠬᠥᠮᠥᠰ ᠤᠯᠠᠰᠢᠷᠠᠵᠥ᠂ ᠭᠡᠷ ᠤᠷᠤᠨ ᠨᠢ ᠰᠤᠯᠠ ᠬᠠᠶᠠᠭᠲᠠᠬᠤ ᠪᠤᠯᠪᠠ᠃ ᠬᠠᠷᠢᠨ ᠡᠨᠡ ᠥᠶ᠎ᠠ ᠳᠤ ︽ᠠᠷᠪᠠ ᠶᠢ ᠪᠥᠷᠬᠦᠬᠦᠯᠬᠦ︾ ᠢᠨᠵᠧᠨᠧᠷᠢᠩ ᠪᠥᠬᠦ ᠲᠠᠯ᠎ᠠ ᠪᠠᠷ ᠬᠡᠷᠡᠭᠵᠢᠬᠦᠯᠥᠭᠲᠡᠵᠥ᠂ ᠲᠤᠰ ᠭᠠᠴᠠᠭᠠᠨ ᠤ ᠮᠠᠯᠴᠢᠳ ᠤᠨ ᠪᠠᠶᠢᠰᠢᠩ ᠢ ᠪᠥᠬᠦᠨ ᠢ ᠡᠸᠦ᠋ᠷᠥᠫᠠ ᠮᠠᠶ᠋ᠢᠭ ᠤᠨ ᠬᠡᠬᠡᠨᠴᠢᠷ ᠰᠠᠭᠤᠴᠠ ᠪᠤᠯᠭᠠᠨ ᠵᠠᠰᠠᠭᠰᠠᠨ ᠪᠥᠭᠡᠳ ᠮᠠᠯ ᠤᠨ ᠫᠸᠡᠭ ᠬᠤᠷᠤᠭ᠎ᠠ ᠶᠢ ᠬᠤᠪᠢᠨ ᠳᠤᠨᠢ ᠰᠠᠯᠭᠠᠨ ᠪᠠᠶᠢᠭᠤᠯᠵᠥ᠂ ᠤᠰᠤ᠂ ᠴᠠᠬᠢᠯᠭᠠᠨ᠂ ᠵᠠᠮ᠂ ᠷᠠᠲᠢᠤ᠋ ᠲᠧᠯᠸᠢᠰ ᠵᠡᠷᠭᠡ ᠰᠠᠭᠤᠷᠢ ᠲᠥᠭᠦᠭᠡᠷᠥᠮᠵᠢ ᠶᠢ ᠪᠥᠷᠢᠲᠥᠬᠦᠯᠥᠨ ᠥᠭᠭᠦᠭᠰᠡᠨ ᠢᠶᠠᠷ ᠥᠡᠭᠭᠡᠷᠡᠭᠰᠡᠨ ᠤ ᠬᠥᠮᠥᠨ ᠮᠠᠯ ᠬᠤᠳᠬᠤᠯᠲᠤᠨ᠂ ᠠᠷᠭᠠᠯ ᠬᠥᠷᠵᠡᠩ ᠳᠡᠪᠰᠡᠭᠳᠡᠭᠰᠡᠨ ᠭᠠᠴᠠᠭᠠᠨ ᠤ ᠥᠡᠭᠭᠡ ᠲᠥᠷᠬᠦ ᠰᠢᠨᠡᠲᠥᠨ ᠥᠭᠡᠷᠡᠲᠥᠵᠥ᠂ ᠬᠤᠯᠠᠨ ᠰᠢᠷᠭ᠎ᠠ ᠲᠠᠭ᠎ᠠ ᠶᠢᠨ ᠡᠯᠡᠰᠥᠨ ᠳᠠᠬᠢ ᠥᠪᠡᠷᠮᠢᠴᠡ ᠨᠢᠭᠡᠨ ᠥᠵᠡᠮᠵᠢ ᠪᠤᠯᠤᠭᠰᠠᠨ ᠪᠠᠶᠢᠨ᠎ᠠ᠃       ᠤᠷᠴᠢᠨ ᠲᠤᠭᠤᠷᠢᠨ ᠤ ᠬᠤᠪᠢᠷᠠᠯᠲᠠ ᠨᠢ ᠲᠤᠰ ᠭᠠᠴᠠᠭᠠᠨ ᠤ ᠠᠵᠤ ᠥᠢᠯᠡᠰ ᠤᠨ ᠬᠥᠭᠵᠢᠯᠲᠡ ᠳᠤ ᠰᠢᠨ᠎ᠠ ᠡᠷᠡᠮᠡᠯᠵᠡᠯᠡᠯ ᠠᠪᠴᠢᠷᠠᠵᠠᠢ᠃ ᠠᠷᠪᠠ ᠭᠠᠷᠤᠢ ᠵᠢᠯ ᠪᠢᠲᠡᠬᠦᠮᠵᠢᠯᠡᠨ ᠰᠡᠷᠬᠦᠭᠡᠭᠰᠡᠨ ᠨᠤᠲᠤᠭ ᠪᠡᠯᠴᠢᠭᠡᠷ᠂ ᠥᠪᠡᠷᠮᠢᠴᠡ ᠤᠨᠴᠠᠯᠢᠭ ᠪᠥᠬᠦᠢ ᠥᠨᠲᠤᠰᠤᠲᠡᠨ ᠤ ᠵᠠᠩ ᠥᠢᠯᠡ᠂ ᠰᠤᠶᠤᠯ ᠢᠷᠭᠡᠨᠰᠢᠯ᠂ ᠲᠥᠭᠦᠮ ᠲᠥᠲᠡ ᠵᠠᠮ ᠨᠡᠪᠲᠡᠷᠡᠯᠭᠡ ᠵᠢᠴᠢ ᠰᠢᠨᠡᠲᠥᠨ ᠬᠤᠪᠢᠷᠠᠭᠰᠠᠨ ᠭᠠᠴᠠᠭᠠᠨ ᠤ ᠥᠡᠭᠭᠡ ᠲᠥᠷᠬᠦ ᠪᠤᠯ ᠤᠯᠲᠠᠰᠢ ᠥᠭᠡᠢ ᠡᠬᠢ ᠪᠠᠶᠠᠯᠢᠭ ᠪᠤᠯᠤᠨ᠎ᠠ ᠬᠡᠲᠡᠭ ᠢ ᠭᠠᠴᠠᠭᠠᠨ ᠤ ᠨᠠᠮ ᠤᠨ ᠡᠭᠦᠷ᠂ ᠵᠥᠪᠯᠡᠯ ᠤᠨ ᠤᠲᠤᠷᠢᠲᠤᠯᠭ᠎ᠠ ᠪᠤᠯᠤᠨ ᠭᠠᠴᠠᠭᠠᠨ ᠳᠤ ᠪᠠᠭᠤᠭᠰᠠᠨ ᠺᠠᠳ᠋ᠷᠴᠤᠳ ᠲᠤᠲᠤᠷᠬᠠᠢ ᠲᠠᠨᠢᠵᠥ᠂ ᠰᠢᠨᠵᠢᠯᠡᠨ ᠪᠠᠶᠢᠴᠠᠭᠠᠵᠥ ᠰᠤᠲᠤᠯᠤᠨ ᠶᠠᠷᠢᠯᠴᠠᠬᠤ ᠪᠠᠷ ᠲᠠᠮᠵᠢᠨ ᠰᠤᠶᠤᠯ ᠵᠤᠭᠠᠴᠠᠯ ᠤᠨ ᠥᠢᠯᠡᠰ ᠢ ᠬᠥᠭᠵᠢᠬᠦᠯᠬᠦ ᠲᠡᠭᠡᠷ᠎ᠠ ᠰᠠᠨᠠᠯ ᠨᠡᠶᠢᠯᠡᠵᠡᠢ᠃ ᠡᠨᠡ ᠨᠢ ᠲᠤᠰ ᠭᠠᠴᠠᠭᠠᠨ ᠤ ᠠᠵᠤ ᠥᠢᠯᠡᠰ ᠤᠨ ᠪᠥᠲᠥᠴᠡ ᠳᠡᠭᠡᠨ ᠬᠢᠭᠰᠡᠨ ᠬᠤᠶᠠᠲᠠᠭᠴᠢ ᠤᠲᠠᠭᠠᠨ ᠤ ᠲᠤᠬᠢᠷᠠᠭᠤᠯᠤᠯᠲᠠ ᠪᠤᠯᠤᠨ᠎ᠠ᠃       ᠡᠨᠡᠬᠦ ᠲᠤᠬᠢᠷᠠᠭᠤᠯᠤᠯᠲᠠ ᠶᠢ ᠪᠥᠲᠥᠮᠵᠢᠲᠡᠢ ᠬᠡᠷᠡᠭᠵᠢᠬᠦᠯᠵᠥ᠂ ᠭᠠᠴᠠᠭᠠᠨ ᠤ ᠮᠠᠯᠴᠢᠳ ᠲᠠᠭᠠᠨ ᠨᠡᠶᠢᠲᠡᠮ ᠠᠰᠢᠭ ᠬᠥᠷᠲᠡᠭᠡᠬᠦ ᠶᠢᠨ ᠲᠤᠯᠠᠲᠠ ᠭᠠᠴᠠᠭᠠᠨ ᠠᠴᠠ ︽ᠨᠤᠮᠢᠨᠲᠠᠯ᠎ᠠ ᠵᠤᠭᠠᠴᠠᠯ ᠤᠨ ᠬᠤᠷᠰᠢᠶᠠᠵᠢᠯ︾ ᠢ ᠡᠬᠦᠰᠭᠡᠨ ᠪᠠᠶᠢᠭᠤᠯᠵᠥ ᠂ ︽ᠨᠠᠮ ᠤᠨ ᠡᠬᠦᠷ + ᠵᠤᠭᠠᠴᠠᠯ ᠤᠨ ᠬᠤᠷᠰᠢᠶᠠᠵᠢᠯ + ᠮᠠᠯᠴᠢᠨ ᠡᠷᠥᠭᠡ︾ ᠶᠢᠨ ᠵᠠᠭᠪᠤᠷ ᠢᠶᠠᠷ ᠭᠠᠲᠠᠭᠰᠢ ᠭᠠᠷᠤᠭᠰᠠᠨ ᠡᠷᠥᠭᠡ ᠶᠢᠨ ᠪᠠᠶᠢᠰᠢᠩ ᠭᠡᠷ ᠢ ᠪᠠᠭᠤᠲᠠᠯ ᠪᠤᠯᠭᠠᠨ ᠵᠠᠰᠠᠵᠥ᠂ ᠭᠡᠷ ᠲᠡᠭᠡᠨ ᠪᠠᠶᠢᠭ᠎ᠠ ᠡᠷᠥᠭᠡ ᠶᠢᠨ ᠬᠢᠨ ᠵᠤᠭᠠᠴᠠᠭᠰᠠᠳ ᠲᠤ ᠥᠢᠯᠡᠴᠢᠯᠡᠭᠡ ᠬᠠᠨᠭ᠍ᠭᠠᠬᠤ ᠠᠷᠭ᠎ᠠ ᠬᠡᠮᠵᠢᠶ᠎ᠠ ᠶᠢ ᠠᠪᠴᠥ᠂ ᠬᠤᠷᠰᠢᠶᠠᠵᠢᠯ ᠳᠤ ᠤᠷᠤᠭᠰᠠᠨ 16 ᠡᠷᠥᠭᠡ ᠶᠢᠨ ᠪᠠᠶᠢᠰᠢᠩ ᠢ ᠭᠡᠷ ᠪᠥᠯᠢ ᠶᠢᠨ ᠪᠠᠭᠤᠲᠠᠯ ᠪᠤᠯᠭᠠᠨ ᠵᠠᠰᠠᠨ ᠴᠢᠮᠡᠭᠯᠡᠵᠥ᠂ ᠡᠨᠡ ᠵᠢᠯ ᠤᠨ 4 ᠳ᠋ᠤᠭᠡᠷ ᠰᠠᠷ᠎ᠠ ᠳᠤ ᠪᠠᠰᠠ 120 ᠬᠠᠪᠲᠠᠭᠠᠢ ᠲᠥᠷᠪᠡᠯᠵᠢᠨ ᠮᠧᠲᠷ ᠤᠨ ᠲᠠᠯᠠᠪᠠᠢ ᠪᠥᠬᠦᠢ 70 ᠬᠥᠮᠥᠨ ᠬᠠᠮᠲᠤ ᠬᠤᠭᠤᠯᠠᠯᠠᠵᠥ ᠲᠡᠶᠢᠯᠬᠦ ᠪᠠᠭᠲᠠᠭᠠᠮᠵᠢ ᠲᠠᠢ ᠬᠤᠭᠤᠯᠠᠨ ᠭᠡᠷ ᠪᠠᠶᠢᠭᠤᠯᠵᠥ᠂ 6 ᠳ᠋ᠤᠭᠠᠷ ᠰᠠᠷ᠎ᠠ ᠠᠴᠠ ᠡᠬᠢᠯᠡᠨ ᠵᠤᠭᠠᠴᠠᠯ ᠤᠨ ᠥᠢᠯᠡᠰ ᠤᠨ ᠡᠵᠡᠩᠨᠡᠯᠲᠡ ᠪᠠᠨ ᠪᠥᠬᠦ ᠲᠠᠯ᠎ᠠ ᠪᠠᠷ ᠡᠬᠢᠯᠡᠬᠦᠯᠵᠡᠢ᠃       ᠪᠢᠲᠠ ᠭᠠᠴᠠᠭᠠᠨ ᠲᠠᠷᠤᠭ᠎ᠠ ᠬᠥᠭᠵᠢᠯᠲᠥ ᠶᠢᠨ ᠲᠠᠭᠠᠭᠤᠯᠭ᠎ᠠ ᠪᠠᠷ ᠮᠠᠯᠴᠢᠨ ᠸᠠᠩ ᠪᠤᠤ ᠠᠨ ᠤ ᠭᠡᠷ ᠲᠤ ᠤᠷᠤᠵᠥ ᠥᠵᠡᠯ᠎ᠠ᠃ ᠬᠤᠨᠤᠬᠤ ᠥᠷᠥᠭᠡ᠂ ᠬᠤᠭᠤᠯᠠᠯᠠᠬᠤ ᠭᠡᠷ᠂ ᠲᠤᠭᠤᠭᠠᠨ ᠭᠡᠷ ᠪᠤᠯᠤᠨ ᠤᠬᠢᠶᠠᠯᠠᠭ᠎ᠠ ᠴᠡᠪᠡᠷᠯᠡᠭᠡ ᠶᠢᠨ ᠲᠠᠰᠤᠯᠭ᠎ᠠ ᠶᠢ ᠬᠤᠪᠢ ᠬᠤᠪᠢᠨ ᠳᠤᠨᠢ ᠭᠠᠷᠭᠠᠵᠥ᠂ ᠭᠡᠷ ᠪᠥᠯᠢ ᠶᠢᠨ ᠪᠠᠭᠤᠲᠠᠯ ᠪᠤᠯᠭᠠᠨ ᠵᠠᠰᠠᠨ ᠴᠢᠮᠡᠭᠯᠡᠵᠥ᠂ ᠤᠰᠤ᠂ ᠴᠠᠬᠢᠯᠭᠠᠨ᠂ wifi ᠵᠡᠷᠭᠡ ᠶᠢ ᠢᠵᠢ ᠪᠥᠷᠢᠲᠥᠬᠦᠯᠥᠭᠰᠡᠨ ᠪᠠᠶᠢᠯ᠎ᠠ᠃ ᠬᠥᠭᠵᠢᠯᠲᠥ ᠶᠢᠨ ᠲᠠᠨᠢᠯᠴᠠᠭᠤᠯᠬᠤ ᠪᠠᠷ ᠸᠠᠩ ᠪᠤᠤ ᠠᠨ ᠤ ᠬᠢ ᠭᠡᠷ ᠢᠶᠠᠷ ᠢᠶᠠᠨ ᠭᠠᠲᠠᠭᠰᠢ ᠭᠠᠷᠤᠭᠠᠳ ᠨᠡᠯᠢᠶᠡᠳ ᠬᠡᠲᠥᠨ ᠵᠢᠯ ᠪᠤᠯᠵᠥ᠂ ᠪᠠᠶᠢᠰᠢᠩ ᠨᠢ ᠰᠤᠯᠠ ᠤᠷᠬᠢᠭᠲᠠᠵᠥ ᠪᠠᠶᠢᠵᠠᠢ᠃ ᠡᠨᠡ ᠵᠢᠯ ᠭᠠᠴᠠᠭᠠᠨ ᠠᠴᠠ ᠨᠢ ᠲᠡᠲᠡᠨ ᠤ ᠪᠠᠶᠢᠰᠢᠩ ᠢ ᠭᠡᠷ ᠪᠥᠯᠢ ᠶᠢᠨ ᠪᠠᠭᠤᠲᠠᠯ ᠪᠤᠯᠭᠠᠨ ᠵᠠᠰᠠᠵᠥ᠂ ᠵᠤᠭᠠᠴᠠᠯ ᠳᠤ ᠬᠡᠷᠡᠭᠯᠡᠬᠦ ᠪᠠᠷ ᠭᠡᠷ᠎ᠠ ᠲᠤᠭᠲᠠᠭᠰᠠᠨ ᠢᠶᠠᠷ ᠲᠡᠲᠡᠨ ᠤ ᠬᠢᠨ ᠵᠢᠯ ᠤᠨ 7000 ᠲᠥᠭᠦᠷᠢᠭ ᠤᠨ ᠴᠡᠪᠡᠷ ᠤᠷᠤᠯᠭ᠎ᠠ ᠡᠪᠤᠷᠯᠡᠬᠦ ᠪᠤᠯᠤᠭᠰᠠᠨ ᠪᠠᠶᠢᠨ᠎ᠠ᠃ ᠬᠥᠭᠵᠢᠯᠲᠤ᠄ ︽ᠮᠠᠨ ᠤ ᠭᠠᠴᠠᠭᠠᠨ ᠤ ᠬᠠᠮᠲᠤ ᠶᠢᠨ ᠰᠠᠭᠤᠷᠢᠰᠢᠯ ᠳᠤ ᠡᠲᠡᠨ ᠤ ᠬᠢ ᠰᠢᠭ ᠰᠤᠯᠠ ᠤᠷᠬᠢᠭᠲᠠᠵᠥ ᠪᠠᠶᠢᠭ᠎ᠠ ᠪᠠᠶᠢᠰᠢᠩ ᠨᠡᠶᠢᠲᠡ 47 ᠪᠤᠢ᠂ ᠤᠲᠤ ᠠᠰᠢᠭᠯᠠᠭᠠᠳ ᠪᠠᠶᠢᠭ᠎ᠠ ᠨᠢ 16 ᠡᠷᠥᠭᠡ ᠶᠢᠨ ᠪᠠᠶᠢᠰᠢᠩ᠂ 82 ᠬᠥᠮᠥᠨ ᠢ ᠬᠤᠨᠤᠭᠤᠯᠵᠥ ᠲᠡᠶᠢᠯᠥᠨ᠎ᠠ᠃ ᠬᠤᠵᠢᠮ ᠳᠠᠭᠠᠨ ᠥᠷᠭᠡᠳᠭᠡᠭᠡᠳ ᠪᠥᠬᠦᠨ ᠢ ᠠᠰᠢᠭᠯᠠᠬᠤ ᠰᠠᠨᠠᠭᠠᠲᠠᠢ᠂ ᠲᠡᠭᠡᠪᠡᠯ ᠨᠢᠭᠡᠯᠡ ᠲᠡᠭᠡᠷ᠎ᠠ 200 ᠰᠢᠬᠠᠮ ᠵᠤᠭᠠᠴᠠᠭᠴᠢ ᠶᠢ ᠬᠥᠯᠢᠶᠡᠨ ᠵᠤᠴᠢᠯᠠᠵᠥ ᠲᠡᠶᠢᠯᠤᠨ᠎ᠠ︾ ᠭᠡᠵᠥ ᠲᠠᠨᠢᠯᠴᠠᠭᠤᠯᠤᠯ᠎ᠠ᠃       ᠬᠤᠷᠰᠢᠶᠠᠵᠢᠯ ᠠᠴᠠ ᠪᠠᠰᠠ ᠵᠤᠭᠠᠴᠠᠯ ᠤᠨ ᠭᠠᠵᠠᠷ ᠤᠨ ᠬᠤᠭᠤᠯᠠᠨ ᠭᠡᠷ᠂ ᠪᠠᠭᠤᠲᠠᠯ ᠳᠠᠭᠠᠨ ᠲᠤᠰ ᠭᠠᠴᠠᠭᠠᠨ ᠤ ᠪᠠᠨ 11 ᠮᠠᠯᠴᠢᠨ ᠢ ᠬᠥᠯᠥᠰᠥᠯᠡᠨ ᠬᠡᠷᠡᠭᠯᠡᠵᠥ᠂ ᠮᠠᠯᠴᠢᠳ ᠤᠨ ᠮᠠᠯᠵᠢᠯ ᠤᠨ ᠪᠤᠰᠤ ᠤᠷᠤᠯᠭ᠎ᠠ ᠶᠢ ᠨᠡᠮᠡᠭᠲᠡᠬᠦᠯᠵᠡᠢ᠃ ᠬᠤᠭᠤᠯᠠᠨ ᠭᠡᠷ ᠤᠨ ᠲᠠᠭᠠᠭᠠᠮᠠᠯ ᠭᠥᠭᠡᠴᠡᠴᠡᠭ ᠰᠤᠷᠪᠤᠯᠵᠢᠯᠠᠬᠴᠢ ᠳᠤ᠄ ︽ᠪᠢᠲᠡ ᠥᠢᠯᠡᠴᠢᠯᠡᠭᠴᠢ ᠳᠡᠭᠡᠨ ᠡᠲᠥᠷ ᠤᠨ 100 ᠲᠥᠭᠦᠷᠢᠭ ᠤᠨ ᠤᠯᠭᠤᠮᠵᠢ ᠥᠭᠴᠥ ᠪᠠᠶᠢᠨ᠎ᠠ᠃ ᠨᠢᠭᠡ ᠬᠥᠮᠥᠨ ᠭᠤᠷᠪᠠᠨ ᠰᠠᠷ᠎ᠠ ᠬᠢᠬᠦ ᠪᠠᠷ ᠪᠤᠲᠤᠪᠠᠯ ᠲᠠᠷᠤᠢ 9000 ᠲᠥᠭᠦᠷᠢᠭ ᠤᠨ ᠴᠠᠯᠢᠩ ᠤᠯᠤᠨ᠎ᠠ᠂ ᠴᠢᠯᠥᠭᠡ ᠵᠠᠪᠰᠠᠷ ᠢᠶᠠᠷ ᠨᠢ ᠪᠠᠰᠠ ᠭᠡᠷ ᠤᠨ ᠠᠵᠢᠯ ᠢᠶᠠᠨ ᠠᠮᠵᠢᠭᠤᠯᠴᠢᠬᠠᠨ᠎ᠠ︾ ᠭᠡᠵᠥ ᠬᠠᠨᠤᠮᠵᠢᠲᠠᠢ ᠶᠠᠷᠢᠵᠥ ᠪᠠᠶᠢᠯ᠎ᠠ᠃ ᠡᠬᠦᠨ ᠠᠴᠠ ᠭᠠᠲᠠᠨ᠎ᠠ ᠪᠠᠰᠠ ᠲᠤᠯᠤᠭ᠎ᠠ ᠨᠠᠢᠮᠠᠨ ᠡᠷᠥᠭᠡ ᠵᠤᠭᠠᠴᠠᠭᠰᠠᠳ ᠲᠤ ᠬᠤᠨᠢᠨ ᠮᠢᠬᠠᠨ ᠤ ᠱᠤᠷᠤᠯᠠᠭ᠂ ᠰᠥ ᠴᠠᠭᠠᠨ ᠢᠲᠡᠭᠡ ᠵᠡᠷᠭᠡ ᠶᠢ ᠬᠤᠲᠠᠯᠲᠤᠵᠥ᠂ ᠤᠷᠤᠯᠭ᠎ᠠ ᠪᠠᠨ ᠨᠡᠮᠡᠭᠲᠡᠬᠦᠯᠥᠭᠰᠡᠨ ᠪᠠᠶᠢᠨ᠎ᠠ᠃       ᠵᠤᠭᠠᠴᠠᠯ ᠤᠨ ᠥᠢᠯᠡᠰ ᠤᠨ ᠬᠥᠭᠵᠢᠯᠲᠡ ᠨᠢ ᠮᠠᠯᠴᠢᠳ ᠤᠨ ᠤᠷᠤᠯᠭ᠎ᠠ ᠶᠢ ᠨᠡᠮᠡᠭᠲᠡᠬᠦᠯᠥᠭᠰᠡᠨ ᠢᠶᠠᠷ ᠥᠯᠥ ᠪᠠᠷᠠᠮ ᠭᠠᠴᠠᠭᠠᠨ ᠤ ᠬᠠᠮᠲᠤ ᠶᠢᠨ ᠤᠷᠤᠯᠭ᠎ᠠ ᠶᠢᠨ ᠨᠡᠮᠡᠭᠲᠡᠯ ᠳᠤ ᠴᠥ ᠶᠡᠬᠡᠭᠡᠨ ᠬᠤᠪᠢ ᠨᠡᠮᠡᠷᠢ ᠥᠵᠡᠬᠦᠯᠵᠡᠢ᠃ ᠬᠤᠷᠰᠢᠶᠠᠵᠢᠯ ᠤᠨ ᠵᠤᠭᠠᠴᠠᠯ ᠤᠨ ᠤᠷᠤᠯᠭ᠎ᠠ ᠶᠢᠨ ᠢᠶᠠᠨ 10% ᠶᠢ ᠭᠠᠴᠠᠭᠠᠨ ᠳᠠᠭᠠᠨ ᠲᠤᠰᠢᠶᠠᠬᠤ ᠪᠠᠷ ᠲᠤᠭᠲᠠᠭᠰᠠᠨ ᠲᠤᠯᠠ ᠤᠲᠤ ᠪᠤᠯᠲᠠᠯ᠎ᠠ ᠬᠠᠮᠲᠤ ᠳᠠᠭᠠᠨ ᠲᠤᠰᠢᠶᠠᠭᠰᠠᠨ ᠤᠷᠤᠯᠭ᠎ᠠ ᠨᠢ 1 ᠲᠥᠮᠡᠨ ᠲᠥᠭᠦᠷᠢᠭ ᠢ ᠲᠠᠪᠠᠵᠥ᠂ ᠵᠤᠭᠠᠴᠠᠯ ᠤᠨ ᠥᠢᠯᠡᠰ ᠨᠢ ᠭᠠᠴᠠᠭᠠᠨ ᠤ ᠪᠥᠬᠦ ᠮᠠᠯᠴᠢᠨ ᠳᠠᠭᠠᠨ ᠠᠰᠢᠭ ᠬᠥᠷᠲᠡᠭᠡᠬᠦ ᠪᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号