ᠬᠥᠪᠡᠭᠡᠲᠦ ᠰᠢᠷ᠎ᠡ ᠬᠤᠰᠢᠭᠤᠨ ᠤ ᠰᠤᠮᠤ ᠭᠠᠴᠠᠭ᠎ᠠ ᠨᠡᠶᠢᠭᠡᠮ ᠲᠤᠭᠤᠷᠢᠭ ᠲᠤ ᠬᠠᠦᠯᠢ ᠶᠢᠨ ᠵᠥᠪᠯᠡᠭᠴᠢ  ᠲᠠᠢ ᠪᠤᠯᠤᠯ᠎ᠠ
ᠨᠡᠶᠢᠲᠡᠯᠡᠭᠰᠡᠨ ᠴᠠᠭ᠄
2016/9/20
    ᠬᠦᠪᠡᠭᠡᠳᠦ ᠰᠢᠷ᠎ᠠ ᠬᠤᠰᠢᠭᠤ ᠰᠤᠮᠤ ᠭᠠᠴᠠᠭ᠎ᠠ ᠨᠡᠶᠢᠭᠡᠮ ᠲᠤᠭᠤᠷᠢᠭ ᠲᠤ ᠬᠠᠤᠯᠢ ᠶᠢᠨ ᠵᠦᠪᠯᠡᠭᠴᠢ ᠲᠤᠬᠢᠷᠠᠭᠤᠯᠵᠦ᠂ ᠮᠠᠯᠴᠢᠨ ᠲᠦᠮᠡᠨ ᠤ ᠬᠠᠤᠯᠢ ᠪᠠᠷ ᠡᠷᠭᠡ ᠠᠰᠢᠭ ᠢᠶᠠᠨ ᠬᠠᠮᠠᠭᠠᠯᠠᠬᠤ ᠶᠢ ᠪᠠᠳᠤᠯᠠᠵᠦ ᠪᠠᠶᠢᠨ᠎ᠠ᠃       ᠤᠢᠢᠷ᠎ᠡ ᠶᠢᠨ ᠡᠳᠦᠷ᠂ ᠲᠤᠰ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠬᠤᠳᠠ ᠬᠦᠳᠡᠭᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠡᠬᠢ ᠰᠤᠷᠪᠤᠯᠵᠢ ᠶᠢ ᠨᠢᠬᠡᠳᠬᠡᠵᠤ᠂ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢ ᠲᠤᠭᠳᠠᠭᠠᠬᠤ ᠬᠢᠷᠢ ᠲᠦᠪᠰᠢᠨ ᠢ ᠲᠡᠭᠡᠭᠰᠢᠯᠡᠬᠦᠯᠬᠦ ᠶᠢᠨ ᠲᠦᠯᠦᠬᠡ᠂ 17 ᠬᠠᠤᠯᠢᠴᠢ᠂ ᠰᠤᠮᠤ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠺᠠᠳ᠋ᠷ ᠴᠠᠭᠳᠠᠭ᠎ᠠ ᠪᠠ ᠦᠨᠳᠦᠰᠦᠨ ᠱᠠᠳᠤᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ ᠠᠵᠢᠯᠳᠠᠨ ᠢᠶᠠᠷ ᠭᠤᠤᠯᠳᠠᠭᠤᠯᠤᠨ᠂ ᠭᠠᠴᠠᠭ᠎ᠠ ᠨᠡᠶᠢᠬᠡᠮ ᠲᠤᠭᠤᠷᠢᠭ ᠤᠨ ᠬᠠᠤᠯᠢ ᠴᠠᠭᠠᠵᠠ ᠶᠢᠨ ᠪᠤᠯᠪᠠᠰᠤᠷᠠᠯ ᠥᠨᠳᠦᠷ᠂ ᠬᠠᠤᠯᠢ ᠴᠠᠭᠠᠵᠠ ᠶᠢᠨ ᠦᠢᠯᠡᠴᠢᠯᠡᠬᠦ ᠬᠠᠨᠭ᠍ᠭᠠᠬᠤ ᠤᠷᠬᠢᠯᠤᠮ᠎ᠠ ᠬᠠᠯᠠᠭᠤᠨ ᠰᠡᠳᠬᠢᠯᠭᠡ ᠲᠠᠢ 45 ᠬᠠᠪᠰᠤᠷᠤᠨ ᠲᠤᠰᠠᠯᠠᠭᠴᠢ ᠶᠢ ᠤᠷᠢᠵᠤ᠂ ᠬᠤᠰᠢᠭᠤᠨ ᠤ ᠪᠠᠨ 4 ᠰᠤᠮᠤ ᠪᠠᠯᠭᠠᠰᠤ ᠶᠢᠨ 60 ᠭᠠᠴᠠᠭ᠎ᠠ ᠪᠠ 6 ᠨᠡᠶᠢᠬᠡᠮ ᠲᠤᠭᠤᠷᠢᠭ ᠲᠤ ᠲᠤᠰᠪᠤᠷᠢ 1 ᠬᠠᠤᠯᠢ ᠶᠢᠨ ᠵᠦᠪᠯᠡᠭᠴᠢ ᠶᠢ ᠲᠤᠬᠢᠷᠠᠭᠤᠯᠵᠤ᠂ ᠪᠦᠬᠦ ᠬᠤᠰᠢᠭᠤᠨ ᠤ ᠡᠯ᠎ᠡ ᠰᠤᠮᠤ᠂ ᠭᠠᠴᠠᠭ᠎ᠠ᠂ ᠨᠡᠶᠢᠬᠡᠮ ᠲᠤᠭᠤᠷᠢᠭ ᠪᠦᠬᠦᠨ ᠳᠤ ᠬᠠᠤᠯᠢ ᠶᠢᠨ ᠵᠦᠪᠯᠡᠭᠴᠢ ᠲᠠᠢ ᠪᠠᠶᠢᠬᠤ ᠶᠢ ᠪᠠᠳᠤᠯᠠᠭᠰᠠᠨ ᠪᠠᠶᠢᠨ᠎ᠠ᠃       ᠤᠶᠢᠯᠠᠭᠠᠭᠰᠠᠨ ᠢᠶᠠᠷ᠂ ᠲᠤᠰ ᠲᠤᠪᠴᠢᠶ᠎ᠠ ᠲᠠᠷᠠᠭᠠᠴᠢ ᠶᠢᠨ ᠠᠯᠬᠤᠮ ᠳᠤ ᠭᠠᠴᠠᠭ᠎ᠠ ᠨᠠᠶᠢᠬᠡᠮ ᠲᠤᠭᠤᠷᠢᠭ ᠤᠨ ᠬᠠᠤᠯᠢ ᠶᠢᠨ ᠵᠦᠪᠯᠡᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠳᠤ ᠬᠦᠴᠦᠯᠡᠵᠦ᠂ ᠡᠯ᠎ᠡ ᠵᠦᠢᠯ ᠤᠨ ᠪᠤᠯᠪᠠᠰᠤᠷᠠᠯ ᠪᠠ ᠪᠤᠳᠠᠳᠤ ᠦᠢᠯᠡᠳᠦᠯᠬᠡ ᠪᠠᠷ ᠲᠠᠮᠵᠢᠭᠤᠯᠵᠤ᠂ ᠲᠡᠳᠡᠨᠡᠷ ᠤᠨ ᠬᠠᠤᠯᠢ ᠰᠤᠷᠬᠤ᠂ ᠬᠠᠤᠯᠢ ᠲᠦᠬᠡᠮᠡᠯᠵᠢᠬᠦᠯᠬᠦ ᠴᠢᠳᠠᠪᠤᠷᠢ ᠶᠢ ᠲᠠᠰᠤᠷᠠᠯᠳᠠ ᠦᠬᠡᠢ ᠳᠡᠭᠡᠭᠰᠢᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠪᠠ ᠨᠠᠶᠢᠬᠡᠮ ᠲᠤᠭᠤᠷᠢᠭ ᠤᠨ ᠬᠦᠮᠦᠨ ᠪᠦᠬᠦᠨ ᠤᠬᠠᠮᠰᠠᠷ ᠠᠴᠠ ᠪᠠᠨ ᠬᠠᠤᠯᠢ ᠶᠢ ᠰᠤᠷᠬᠤ᠂ ᠬᠠᠤᠯᠢ ᠶᠢ ᠵᠢᠷᠤᠮᠯᠠᠬᠤ᠂ ᠬᠠᠤᠯᠢ ᠶᠢ ᠲᠦᠬᠡᠮᠡᠯᠵᠢᠬᠦᠯᠬᠦ ᠪᠤᠯᠪᠠᠰᠤᠨ ᠬᠡᠪ ᠰᠤᠷᠳᠠᠯ ᠢ ᠪᠤᠢ ᠪᠤᠯᠭᠠᠨ᠂ ᠬᠠᠤᠯᠢᠵᠢᠯ ᠨᠡᠶᠢᠬᠡᠮ ᠤᠨ ᠪᠠᠶᠢᠭᠤᠯᠤᠯᠳᠠ ᠳᠤ ᠰᠢᠨ᠎ᠡ ᠨᠢᠬᠡᠨ ᠲᠦᠯᠬᠢᠴᠡ ᠬᠦᠴᠦᠨ ᠢ ᠡᠬᠦᠳᠬᠦ ᠪᠠᠷ ᠪᠤᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号