ᠵᠡᠬᠦᠨ ᠦᠵᠦᠮᠦᠴᠢᠨ ᠬᠤᠰᠢᠭᠤ ᠵᠢᠬᠡᠯᠡᠯᠬᠡ ᠶᠢᠨ ᠭᠡᠪᠴᠢᠶ᠎ᠡ ᠶᠢ ᠥᠷᠭᠡᠳᠭᠡᠵᠦ ᠨᠠᠮᠤᠷ ᠤᠨ ᠤᠯᠠᠷᠢᠯ ᠤᠨ ᠮᠠᠯᠵᠢᠬᠤ ᠦᠢᠯᠡᠳᠪᠦᠷᠢᠯᠡᠯ ᠤᠨ ᠠᠵᠢᠯ ᠢ ᠳᠠᠮᠵᠢᠵᠦ ᠪᠤᠢ
ᠨᠡᠶᠢᠲᠡᠯᠡᠭᠰᠡᠨ ᠴᠠᠭ᠄
2016-09-20
    ᠡᠨᠡ ᠵᠢᠯ ᠵᠡᠬᠦᠨ ᠦᠵᠦᠮᠦᠴᠢᠨ ᠬᠤᠰᠢᠭᠤᠨ ᠳᠤ ᠦᠷᠬᠦᠯᠵᠢᠯᠡᠭᠰᠡᠨ ᠭᠠᠩ ᠤᠨ ᠭᠠᠮᠰᠢᠭ ᠪᠤᠯᠵᠦ᠂ 9 ᠰᠣᠮᠣ ᠪᠠᠯᠭᠠᠰᠣᠨ ᠤ 57 ᠭᠠᠴᠠᠭ᠎ᠠ᠂ 1 ᠣᠢ ᠰᠢᠭᠤᠢ ᠶᠢᠨ ᠳᠠᠯᠠᠪᠠᠢ ᠶᠢᠨ 4949.27 ᠲᠦᠮᠡᠨ ᠮᠦ ᠨᠣᠳᠤᠭ ᠪᠡᠯᠴᠢᠬᠡᠷ ᠪᠠ 6441 ᠡᠷᠦᠬᠡ ᠶᠢᠨ 297.79 ᠲᠦᠮᠡᠨ ᠮᠠᠯ ᠭᠠᠮᠰᠢᠭᠳᠠᠭᠰᠠᠨ ᠪᠠᠶᠢᠨ᠎ᠠ᠃ ᠡᠬᠦᠨ ᠳᠤ᠂ ᠬᠦᠨᠲᠦ ᠭᠠᠮᠰᠢᠭᠳᠠᠭᠰᠠᠨ ᠨᠢ 36 ᠭᠠᠴᠠᠭ᠎ᠠ ᠪᠠ 3207.84 ᠲᠦᠮᠡᠨ ᠮᠦ ᠪᠡᠯᠴᠢᠬᠡᠷ ᠪᠠᠶᠢᠵᠦ᠂ ᠬᠦᠨᠲᠦ ᠭᠠᠮᠰᠢᠭᠳᠠᠭᠰᠠᠨ ᠡᠷᠦᠬᠡ ᠶᠢᠨ ᠳᠤᠭ᠎ᠠ 3805 ᠳᠤ ᠬᠦᠷᠴᠦ᠂ 909 ᠡᠷᠦᠬᠡ ᠶᠢᠨ 3261 ᠬᠦᠮᠦᠨ ᠪᠠ 70.27 ᠲᠦᠮᠡᠨ ᠮᠠᠯ ᠣᠣᠭᠤᠬᠤ ᠣᠰᠣᠨ ᠤ ᠬᠦᠴᠢᠷᠳᠡᠯ ᠳᠤ ᠲᠤᠯᠭᠠᠷᠠᠵᠠᠢ᠃ ᠡᠨᠡᠬᠦ ᠪᠠᠶᠢᠳᠠᠯ ᠳᠣᠣᠷ᠎ᠠ᠂ ᠵᠡᠬᠦᠨ ᠦᠵᠦᠮᠦᠴᠢᠨ ᠬᠤᠰᠢᠭᠤ ᠵᠠᠷᠣᠴᠠᠭᠤᠯᠬᠤ ᠮᠠᠯ ᠤᠨ ᠳᠤᠭ᠎ᠠ ᠪᠠᠨ ᠨᠡᠮᠡᠭᠳᠡᠬᠦᠯᠵᠦ 230 ᠲᠦᠮᠡ ᠵᠠᠷᠣᠴᠠᠭᠤᠯᠬᠤ ᠪᠠᠷ ᠲᠦᠯᠦᠪᠯᠡᠭᠰᠡᠨ ᠰᠠᠭᠤᠷᠢᠨ ᠳᠡᠬᠡᠷ᠎ᠡ᠂ ᠵᠠᠷᠣᠴᠠᠭᠤᠯᠬᠤ ᠡᠷᠴᠢᠮ ᠢᠶᠠᠨ ᠣᠯᠠᠮ ᠴᠢᠩᠭᠠᠷᠠᠭᠤᠯᠣᠨ᠂ 300 ᠠᠴᠠ 350 ᠲᠦᠮᠡᠨ ᠮᠠᠯ ᠵᠠᠷᠣᠴᠠᠭᠤᠯᠬᠤ ᠪᠠᠷ ᠴᠢᠷᠮᠠᠶᠢᠵᠦ ᠪᠤᠢ᠃        ᠭᠠᠩ ᠤᠨ ᠭᠠᠮᠰᠢᠭ ᠠᠴᠠ ᠪᠤᠯᠤᠭᠰᠠᠨ ᠬᠤᠭᠢᠷᠠᠯ ᠢ ᠬᠠᠮᠤᠭ ᠪᠠᠭ᠎ᠠ ᠬᠡᠮᠵᠢᠶᠡᠨ ᠳᠤ ᠬᠦᠷᠳᠡᠯ᠎ᠡ ᠬᠢᠵᠠᠭᠠᠷᠯᠠᠬᠤ ᠶᠢᠨ ᠳᠣᠰᠠᠳᠠ᠂ ᠲᠤᠰ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠦᠳᠡᠭᠡ ᠳᠣᠰᠬᠤᠨ ᠤ ᠢᠳᠡᠬᠡᠮᠵᠢ ᠶᠢᠨ ᠬᠤᠯᠪᠣᠭᠠᠲᠦ ᠬᠤᠷᠰᠢᠶ᠎ᠠ ᠲᠠᠢ ᠢᠳᠡᠪᠬᠢᠳᠠᠢ ᠬᠠᠷᠢᠯᠴᠠᠨ᠂ ᠵᠢᠬᠡᠯᠡᠯᠬᠡ ᠶᠢᠨ ᠬᠡᠪᠴᠢᠶ᠎ᠡ ᠪᠠᠨ ᠦᠷᠬᠡᠳᠬᠡᠵᠦ᠂ ᠮᠠᠯ ᠤᠨ ᠪᠦᠲᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠠᠵᠦ ᠠᠬᠤᠶᠢᠯᠠᠯ ᠤᠨ ᠨᠢᠳᠦᠨ ᠡᠮᠦᠨᠡᠬᠢ ᠬᠦᠴᠢᠷᠳᠡᠯ ᠢ ᠰᠢᠢᠳᠪᠦᠷᠢᠯᠡᠨ᠂ ᠳᠡᠳᠡᠨ ᠢ ᠴᠠᠭ ᠢ ᠵᠠᠪᠳᠣᠨ ᠠᠵᠢᠯᠯᠠᠵᠦ᠂ ᠮᠠᠯ ᠤᠨ ᠵᠠᠷᠣᠴᠠᠭᠤᠯᠣᠯᠳᠠ ᠶᠢ ᠪᠦᠲᠦᠮᠵᠢᠳᠠᠢ ᠠᠬᠢᠭᠤᠯᠬᠤ ᠶᠢ ᠱᠠᠭᠠᠷᠳᠠᠵᠦ᠂ ᠭᠠᠮᠰᠢᠭᠳᠠᠭᠰᠠᠨ ᠮᠠᠯᠴᠢᠳ ᠲᠤ ᠵᠢᠬᠡᠯᠡᠯᠬᠡ ᠵᠠᠯᠭᠠᠵᠦ ᠬᠠᠩᠭᠠᠬᠤ᠂ ᠵᠢᠬᠡᠯᠡᠯᠬᠡ ᠶᠢᠨ ᠴᠠᠭ ᠬᠤᠭᠤᠴᠠᠭ᠎ᠠ ᠶᠢ ᠣᠷᠳᠣᠳᠬᠠᠬᠤ ᠵᠡᠷᠬᠡ ᠠᠷᠭ᠎ᠠ ᠠᠪᠴᠠᠯ ᠢᠶᠠᠷ ᠮᠠᠯᠴᠢᠳ ᠤᠨ ᠠᠵᠦ ᠠᠬᠤᠢ ᠶᠢᠨ ᠳᠠᠷᠣᠭᠠᠰᠣ ᠶᠢ ᠬᠦᠩᠬᠡᠯᠡᠵᠦ ᠪᠠᠶᠢᠨ᠎ᠠ᠃        ᠵᠡᠬᠦᠨ ᠦᠵᠦᠮᠦᠴᠢᠨ ᠬᠤᠰᠢᠭᠤᠨ ᠤ ᠬᠦᠳᠡᠭᠡ ᠳᠣᠰᠬᠤᠨ ᠤ ᠢᠳᠡᠬᠡᠮᠵᠢ ᠶᠢᠨ ᠬᠤᠯᠪᠣᠭᠠᠲᠦ ᠬᠤᠷᠰᠢᠶᠠᠨ ᠤ ᠡᠷᠬᠢᠯᠡᠭᠴᠢ ᠵᠠᠩ ᠯᠢ ᠶᠠ᠄ ︽ᠮᠠᠨ ᠤ ᠬᠤᠷᠰᠢᠶ᠎ᠠ ᠡᠨᠡ ᠵᠢᠯ ᠤᠨ ᠭᠠᠮᠰᠢᠭ ᠤᠨ ᠪᠠᠶᠢᠳᠠᠯ ᠳᠤ ᠴᠢᠭᠯᠡᠬᠦᠯᠵᠦ᠂ ᠡᠷᠳᠡ ᠠᠴᠠ ᠲᠦᠰᠦᠪ ᠲᠦᠯᠦᠪᠯᠡᠭᠡ ᠭᠠᠷᠭᠠᠵᠦ᠂ ᠡᠷᠳᠡ ᠠᠴᠠ ᠳᠣᠬᠢᠷᠠᠭᠤᠯᠣᠨ᠂ ᠡᠷᠳᠡ ᠠᠴᠠ ᠨᠠᠶᠢᠳᠠᠪᠦᠷᠢᠵᠢᠭᠤᠯᠵᠦ᠂ ᠮᠠᠯᠴᠢᠳ ᠤᠨ ᠦᠢᠯᠡᠳᠪᠦᠷᠢᠯᠡᠯ ᠠᠮᠢᠳᠣᠷᠠᠯ ᠤᠨ ᠵᠢᠬᠡᠯᠡᠯᠬᠡ ᠶᠢᠨ ᠳᠡᠮᠵᠢᠯᠬᠡ ᠪᠠᠨ ᠣᠯᠠᠮ ᠴᠢᠩᠭᠠᠳᠬᠠᠵᠦ ᠪᠠᠶᠢᠭ᠎ᠠ ᠶᠤᠮ᠃ 8 ᠳ᠋ᠤᠭᠠᠷ ᠰᠠᠷ᠎ᠠ ᠶᠢᠨ ᠡᠴᠦᠰ ᠪᠣᠯᠳᠠᠯ᠎ᠠ᠂ ᠮᠠᠨ ᠤ ᠬᠤᠷᠰᠢᠶ᠎ᠠ ᠮᠠᠯ ᠤᠨ ᠠᠰᠢᠭ ᠰᠢᠮ᠎ᠡ ᠶᠢᠨ ᠪᠦᠲᠦᠬᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠵᠢᠬᠡᠯᠡᠯᠬᠡ 3460 ᠲᠦᠮᠡᠨ ᠲᠦᠭᠦᠷᠢᠭ ᠳᠠᠯᠪᠢᠵᠦ ᠂ ᠠᠵᠦ ᠠᠬᠤᠶᠢᠯᠠᠯ ᠤᠨ ᠪᠡᠯᠡ ᠮᠦᠩᠬᠦ ᠳᠣᠳᠠᠭᠳᠠᠬᠤ ᠠᠰᠠᠭᠤᠳᠠᠯ ᠢ ᠰᠢᠢᠳᠪᠦᠷᠢᠯᠡᠵᠦ᠂ ᠮᠠᠯᠴᠢᠳ ᠤᠨ ᠮᠠᠯ ᠢᠶᠠᠨ ᠵᠠᠷᠣᠴᠠᠭᠤᠯᠬᠤ ᠨᠣᠷᠮ᠎ᠠ ᠶᠢ ᠳᠡᠭᠡᠭᠰᠢᠯᠡᠬᠦᠯᠵᠠᠢ᠃ ᠡᠬᠦᠨ ᠤ ᠬᠠᠮᠳᠤ 7 ᠠᠴᠠ 8 ᠳ᠋ᠤᠭᠠᠷ ᠰᠠᠷ᠎ᠠ ᠶᠢᠨ ᠬᠤᠭᠤᠴᠠᠭᠠᠨ ᠳᠤ 155 ᠮᠠᠯᠵᠢᠬᠤ ᠡᠷᠦᠬᠡ ᠳᠤ 1364 ᠲᠦᠮᠡᠨ ᠲᠦᠭᠦᠷᠢᠭ ᠤᠨ ᠭᠠᠮᠰᠢᠭ ᠠᠴᠠ ᠠᠪᠣᠷᠠᠬᠤ ᠵᠢᠬᠡᠯᠡᠯᠬᠡ ᠲᠠᠯᠪᠢᠵᠦ᠂ ᠬᠦᠨᠲᠦ ᠭᠠᠮᠰᠢᠭᠳᠠᠭᠰᠠᠨ ᠬᠠᠭᠤᠴᠢᠨ ᠵᠢᠬᠡᠯᠡᠯᠬᠡ ᠲᠠᠢ ᠮᠠᠯᠵᠢᠬᠤ ᠡᠷᠦᠬᠡ ᠳᠤ ᠬᠢᠨᠠᠨ ᠬᠠᠷᠭᠤᠭᠤᠯᠵᠦ᠂ ᠪᠠᠶᠢᠴᠠᠭᠠᠯᠳᠠ ᠬᠢᠭᠰᠡᠨ ᠤ ᠳᠠᠷᠠᠭ᠎ᠠ ᠬᠤᠭᠤᠴᠠᠭ᠎ᠠ ᠶᠢ ᠣᠷᠳᠣᠳᠬᠠᠨ ᠦᠭᠴᠦ ᠪᠣᠯᠣᠨ᠎ᠠ︾ ᠬᠡᠯ᠎ᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号