ᠲᠠᠯ᠎ᠠ ᠨᠤᠲᠤᠭ ᠤᠨ ᠬᠦᠷᠦᠰᠦᠨ ᠳᠤ ᠪᠤᠯᠪᠠᠰᠤᠨ ᠤ ᠴᠡᠴᠡᠭ ᠮᠢᠷᠠᠯᠵᠠᠨᠠᠮ — 2016 ᠤᠨ ᠤ ᠪᠦᠭᠦ  ᠠᠶᠢᠮᠠᠭ ᠤᠨ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ  ᠬᠤᠷᠠᠯ ᠤᠨ ᠤᠨᠴᠠ ᠮᠡᠳᠡᠭᠡᠯᠡᠯ · ᠰᠦᠨᠢᠳ ᠵᠡᠭᠦᠨ ᠬᠤᠰᠢᠭᠤ
ᠨᠡᠶᠢᠲᠡᠯᠡᠭᠰᠡᠨ ᠴᠠᠭ᠄
2016/9/22
    2006 ᠤᠨ ᠠᠴᠠ ᠨᠠᠰᠢ᠂ ᠰᠦᠨᠢᠳ ᠵᠡᠭᠦᠨ ᠬᠤᠰᠢᠭᠤ 10 ᠵᠢᠯ ᠲᠠᠷᠠᠭᠠᠯᠠᠨ ᠨᠠᠰᠤᠳᠠᠶᠢᠴᠤᠳ ᠤᠨ ᠨᠠᠰᠤᠨ ᠪᠠᠶᠠᠷ ᠢ ᠬᠠᠮᠳᠤᠪᠡᠷ ᠪᠡᠯᠭᠡᠯᠡᠭᠦ ᠨᠠᠶᠢᠷ ᠡᠷᠬᠢᠯᠡᠵᠦ᠂ 2000 ᠭᠠᠷᠦᠢ ᠨᠠᠰᠤᠳᠠᠨ ᠳᠤ ᠨᠠᠰᠤᠨ ᠪᠠᠶᠠᠷ ᠢ ᠨᠢ ᠲᠡᠮᠳᠡᠭᠯᠡᠨ ᠦᠭᠴᠦ᠂ ᠨᠠᠰᠤᠳᠠᠨ ᠢᠶᠠᠨ ᠠᠴᠢᠯᠠᠵᠤ ᠭᠦᠨᠳᠦᠯᠡᠭᠦ ᠰᠠᠶᠢᠨ ᠰᠠᠶᠢᠬᠠᠨ ᠭᠡᠪ ᠰᠤᠷᠳᠠᠯ ᠢ ᠤᠯᠠᠮᠵᠢᠯᠠᠨ ᠪᠠᠳᠠᠷᠠᠭᠤᠯᠤᠭᠰᠠᠭᠠᠷ ᠪᠢᠯᠡ᠃       ᠨᠠᠰᠤᠳᠠᠶᠢᠴᠤᠳ ᠤᠨ ᠨᠠᠰᠤᠨ ᠪᠠᠶᠠᠷ ᠢ ᠬᠠᠮᠳᠤᠪᠡᠷ ᠪᠡᠯᠭᠡᠯᠡᠭᠦ ᠨᠢ ᠲᠤᠰ ᠬᠤᠰᠢᠭᠤᠨ ᠤ ᠤᠯᠠᠮᠵᠢᠯᠠᠯᠳᠦ ᠰᠠᠶᠢᠬᠠᠨ ᠵᠠᠩ ᠵᠠᠩᠰᠢᠯ ᠢᠶᠠᠨ ᠵᠠᠯᠭᠠᠮᠵᠢᠯᠠᠵᠦ᠂ ᠰᠢᠨ᠎ᠠ ᠭᠡᠪ ᠰᠤᠷᠳᠠᠯ ᠢ ᠪᠤᠢ ᠪᠤᠯᠭᠠᠬᠤ ᠴᠢᠬᠤᠯᠠ ᠲᠠᠪᠴᠠᠩ ᠪᠤᠯᠤᠭᠰᠠᠨ ᠢᠶᠠᠷ ᠪᠠᠷᠠᠬᠤ ᠦᠭᠡᠢ᠂ ᠪᠦᠭᠦ ᠠᠶᠢᠮᠠᠭ ᠴᠢᠨᠠᠬᠰᠢᠯᠠᠨ ᠪᠦᠭᠦ ᠤᠯᠤᠰ ᠲᠤ ᠮᠠᠯᠵᠢᠬᠤ ᠤᠷᠤᠨ ᠤ ᠢᠯᠡ ᠲᠤᠳᠤ ᠤᠨᠴᠠᠯᠢᠭ ᠲᠠᠢ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠳᠠ ᠶᠢᠨ ᠨᠡᠷᠡᠳᠦ ᠲᠡᠮᠳᠡᠭ ᠪᠤᠯᠵᠦ᠂ ᠨᠠᠰᠤᠳᠠᠨ ᠢᠶᠠᠨ ᠠᠴᠢᠯᠠᠵᠦ ᠭᠦᠨᠳᠦᠯᠡᠭᠦ ᠰᠤᠶᠤᠯ ᠢ ᠬᠤᠰᠢᠭᠤᠨ ᠤ ᠪᠠᠨ ᠨᠡᠶᠢᠭᠡᠮ ᠤᠨ ᠪᠤᠯᠪᠠᠰᠤᠨ ᠭᠡᠪ ᠰᠤᠷᠳᠠᠯ ᠢ ᠲᠠᠶᠢᠴᠢᠯᠠᠬᠤ ᠦᠵᠡᠯ ᠰᠠᠨᠠᠭᠠᠨ ᠤ ᠬᠠᠮᠳᠦ ᠶᠢᠨ ᠲᠠᠨᠢᠯᠳᠠ ᠪᠤᠯᠤᠨ ᠦᠢᠯᠡ ᠠᠵᠢᠯᠯᠠᠭ᠎ᠠ ᠶᠢᠨ ᠵᠦᠭᠯᠡᠭᠦᠷ ᠪᠤᠯᠭᠠᠵᠠᠢ᠃     ᠤᠢᠢᠷ᠎ᠠ ᠶᠢᠨ ᠵᠢᠯ᠂ ᠰᠦᠨᠢᠳ ᠵᠡᠭᠦᠨ ᠬᠤᠰᠢᠭᠤ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠤᠢ ᠪᠤᠯᠭᠠᠵᠦ ᠦᠢᠯᠡᠳᠦᠯᠭᠡᠵᠢᠭᠦᠯᠭᠦ ᠪᠠᠷ ᠦᠨᠳᠦᠰᠦᠨ ᠡᠭᠦᠷᠭᠡ ᠪᠤᠯᠭᠠᠵᠦ᠂ ᠮᠠᠯᠵᠢᠬᠤ ᠤᠷᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠰᠠᠶᠢᠵᠢᠷᠠᠭᠤᠯᠬᠤ᠂ ᠤᠷᠤᠨ ᠨᠤᠳᠤᠭ ᠤᠨ ᠪᠤᠯᠪᠠᠰᠤᠨ ᠰᠤᠷᠳᠠᠯ ᠢ ᠠᠬᠢᠭᠤᠯᠬᠤ᠂ ᠰᠠᠶᠢᠨ ᠲᠤᠷ᠎ᠠ ᠶᠢᠨ ᠦᠢᠯᠡᠴᠢᠯᠡᠭᠡ ᠦᠷᠨᠢᠭᠦᠯᠭᠦ᠂ ᠰᠤᠶᠤᠯ ᠤᠨ ᠠᠵᠢᠯᠯᠠᠭ᠎ᠠ ᠶᠢ ᠪᠠᠶᠠᠯᠢᠬᠵᠢᠭᠤᠯᠬᠤ ᠪᠠᠷ ᠲᠠᠮᠵᠢᠭᠤᠯᠤᠨ ᠮᠠᠯᠵᠢᠬᠤ ᠤᠷᠤᠨ ᠤ ᠲᠦᠷᠢ ᠲᠦᠷᠭᠦ ᠶᠢ ᠤᠯᠠᠮ ᠰᠠᠶᠢᠵᠢᠷᠠᠭᠤᠯᠵᠦ᠂ ᠮᠠᠯᠴᠢᠳ ᠤᠨ ᠭᠡᠪ ᠰᠤᠷᠳᠠᠯ ᠢ ᠲᠠᠰᠤᠷᠠᠯᠳᠠ ᠦᠭᠡᠢ ᠲᠡᠭᠡᠭᠰᠢᠯᠡᠭᠦᠯᠵᠦ᠂ ᠤᠮᠠᠷᠠᠳᠦ ᠬᠢᠯᠢ ᠶᠢᠨ ᠦᠵᠡᠰᠭᠦᠯᠡᠩᠳᠦ ᠰᠠᠶᠢᠬᠠᠨ ᠰᠢᠨ᠎ᠠ ᠮᠠᠯᠵᠢᠬᠤ ᠤᠷᠤᠨ ᠢ ᠪᠦᠳᠦᠭᠡᠨ ᠪᠠᠶᠢᠭᠤᠯᠬᠤ ᠳᠤ ᠤᠶᠤᠨ ᠤ ᠭᠦᠳᠡᠯᠭᠡᠭᠴᠢ ᠭᠦᠴᠦᠨ ᠪᠠ ᠪᠤᠯᠪᠠᠰᠤᠨ ᠤ ᠲᠠᠪᠰᠢᠯᠳᠠ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠪᠡ᠃       ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠵᠦᠪ ᠤᠨᠤᠪᠴᠢᠳᠠᠢ᠂ ᠠᠮᠢᠳᠤᠯᠢᠭ ᠤᠬᠠᠭᠤᠯᠬᠤ ᠶᠢᠨ ᠲᠤᠰᠠᠳᠠ᠂ ᠲᠤᠰ ᠬᠤᠰᠢᠭᠤ ᠮᠤᠩᠭᠤᠯ ᠦᠨᠳᠦᠰᠦᠳᠡᠨ ᠤ ᠰᠤᠶᠤᠯ ᠤᠨ ᠡᠯᠧᠮᠧᠨ᠋ᠲ ᠢᠶᠠᠷ ᠭᠤᠤᠯ ᠴᠤᠭᠴᠠ ᠪᠤᠯᠭᠠᠭᠰᠠᠨ ︽ᠦᠷᠳᠡᠭ ᠤᠨ ᠦᠵᠡᠯᠳᠡ ᠶᠢ ᠵᠢᠷᠤᠭ ᠢᠶᠠᠷ ᠦᠭᠦᠯᠡᠭᠦᠢ︾ ᠭᠡᠭᠦ ᠠᠵᠢᠯᠯᠠᠭ᠎ᠠ ᠦᠷᠨᠢᠭᠦᠯᠵᠦ᠂ ᠲᠡᠯᠡᠭᠡᠢ ᠶᠢᠨ ᠨᠡᠷᠡᠳᠦ ᠱᠤᠭ ᠵᠢᠷᠤᠭᠴᠢᠨ ᠪᠠ᠊ · ᠪᠢᠯᠢᠭ ᠢ ᠤᠷᠢᠵᠦ᠂ ︽ᠦᠷᠳᠡᠭ ᠤᠨ ᠦᠵᠡᠯᠳᠡ ᠶᠢ ᠵᠢᠷᠤᠭ ᠢᠶᠠᠷ ᠦᠭᠦᠯᠡᠭᠦᠢ︾᠂ ︽ᠲᠠᠯ᠎ᠠ ᠨᠤᠳᠤᠭ ᠤᠨ ᠭᠦᠰᠡᠯᠡᠩᠳᠦ ᠭᠡᠦᠭᠡᠳ︾᠂ ᠤᠷᠤᠨ ᠨᠤᠳᠤᠭ ᠤᠨ ᠪᠤᠯᠪᠠᠰᠤᠨ ᠰᠤᠷᠳᠠᠯ ᠵᠡᠷᠭᠡ ᠰᠡᠳᠦᠪ ᠢᠶᠠᠷ 25 ᠱᠤᠭ ᠵᠢᠷᠤᠭ ᠵᠢᠷᠤᠭᠤᠯᠤᠭᠰᠠᠨ ᠪᠦᠭᠡᠳ ᠮᠤᠩᠭᠤᠯ ᠬᠢᠳᠡᠳ ᠢᠶᠠᠷ ᠲᠤᠪᠴᠢ ᠲᠠᠶᠢᠯᠪᠤᠷᠢ ᠬᠠᠳᠠᠭᠤᠯᠵᠦ᠂ ᠲᠠᠯ᠎ᠠ ᠨᠤᠳᠤᠭ ᠤᠨ ᠦᠢᠯᠡᠳᠪᠦᠷᠢᠯᠡᠯ ᠠᠮᠢᠳᠦᠷᠠᠯ ᠤᠨ ᠵᠢᠷᠤᠭᠯᠠᠯ ᠢᠶᠠᠷ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠪᠤᠯᠤᠨ ᠤᠷᠤᠨ ᠨᠤᠳᠤᠭ ᠤᠨ ᠪᠤᠯᠪᠠᠰᠤᠨ ᠰᠤᠷᠳᠠᠯ ᠤᠨ ᠲᠤᠳᠤᠭᠠᠳᠦ ᠠᠭᠤᠯᠤᠭᠳᠠᠬᠤᠨ ᠢ ᠭᠦᠢᠴᠡᠳ ᠢᠯᠡᠷᠡᠭᠦᠯᠵᠠᠢ᠃ ᠡᠳᠡᠭᠡᠷ ᠪᠦᠳᠦᠭᠡᠯ ᠢ ᠨᠡᠶᠢᠳᠡᠯᠡᠮᠡᠭᠴᠡ ᠦᠨᠳᠦᠰᠦᠨ ᠱᠠᠳᠤᠨ ᠤ ᠺᠠᠳ᠋ᠷ ᠤᠯᠠᠨ ᠲᠦᠮᠡᠨ ᠤ ᠬᠠᠯᠠᠭᠤᠨ ᠭᠦᠷᠢᠶᠡᠯᠡᠯ ᠢ ᠤᠯᠵᠦ᠂ ᠪᠦᠭᠦ ᠬᠤᠰᠢᠭᠤᠨ ᠳᠤ ᠲᠦᠭᠡᠮᠡᠯᠵᠢᠭᠦᠯᠦᠭᠰᠡᠨ ᠢᠶᠠᠷ ᠪᠠᠷᠠᠬᠤ ᠦᠭᠡᠢ᠂ ᠦᠪᠡᠷᠳᠡᠭᠡᠨ ᠵᠠᠰᠠᠬᠤ ᠤᠷᠤᠨ ᠤ ᠬᠢᠨ ᠰᠢᠯᠢ ᠶᠢᠨ ᠭᠤᠤᠯ ᠠᠶᠢᠮᠠᠭ ᠲᠤ ︽ᠠᠷᠪᠠ ᠶᠢ ᠪᠦᠷᠭᠦᠭᠦᠯᠭᠦ ︾ ᠢᠨᠵᠧᠨᠧᠷᠢᠩ ᠢ ᠲᠤᠭᠤᠷᠢᠨ ᠪᠠᠶᠢᠴᠠᠭᠠᠬᠤ ᠦᠶ᠎ᠠ ᠳᠤ ᠲᠡᠯᠭᠡᠨ ᠦᠵᠡᠭᠦᠯᠵᠦ᠂ ᠪᠦᠭᠦ ᠠᠶᠢᠮᠠᠭ ᠲᠤ ᠲᠦᠭᠡᠮᠡᠯᠵᠢᠭᠦᠯᠪᠡ᠃       ︽ᠦᠵᠡᠰᠭᠦᠯᠡᠩᠳᠦ ᠰᠠᠶᠢᠬᠠᠨ ᠵᠡᠭᠦᠨ ᠰᠦᠨᠢᠳ — ᠤᠷᠤᠨ ᠨᠤᠳᠤᠭ ᠤᠨ ᠪᠤᠯᠪᠠᠰᠤᠨ ᠰᠤᠷᠳᠠᠯ ᠤᠨ ᠠᠵᠢᠯᠯᠠᠭ᠎ᠠ︾ ᠶᠢ ᠭᠦᠨᠵᠡᠭᠡᠢ ᠦᠷᠨᠢᠭᠦᠯᠵᠦ᠂ ᠮᠠᠯᠵᠢᠬᠤ ᠤᠷᠤᠨ ᠤ ᠲᠦᠷᠢ ᠲᠦᠷᠭᠦ ᠶᠢ ᠤᠯᠠᠮ ᠰᠠᠶᠢᠵᠢᠷᠠᠭᠤᠯᠵᠦ᠂ ᠮᠠᠯᠴᠢᠨ ᠲᠦᠮᠡᠨ ᠤ ᠭᠡᠪ ᠰᠤᠷᠳᠠᠯ ᠢ ᠲᠡᠭᠡᠭᠰᠢᠯᠡᠭᠦᠯᠵᠦ᠂ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠦᠳᠦᠭᠡᠭᠦ ᠡᠷᠴᠢ ᠵᠤᠷᠢᠭ ᠢ ᠭᠦᠪᠴᠢᠯᠠᠵᠠᠢ᠃ ᠲᠤᠰ ᠬᠤᠰᠢᠭᠤᠨ ᠤ ᠨᠠᠮ ᠤᠨ ᠬᠤᠷᠢᠶ᠎ᠠ ᠮᠠᠯᠵᠢᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠠᠵᠢᠯ ᠤᠨ ᠭᠤᠤᠯᠳᠠᠯᠭ᠎ᠠ ᠪᠤᠯᠭᠠᠵᠦ᠂ ᠠᠷᠠᠳ ᠤᠨ ᠠᠮᠢᠳᠦᠷᠠᠯ ᠤᠨ ᠢᠨᠵᠧᠨᠧᠷᠢᠩ ᠲᠠᠢ ᠬᠠᠮᠳᠦ ᠳᠤᠨᠢ ᠠᠬᠢᠭᠤᠯᠵᠦ᠂ ᠪᠤᠯᠪᠠᠰᠤᠨ ᠭᠠᠴᠠᠭ᠎ᠠ᠂ ᠠᠷᠪᠠᠨ ᠤᠳᠤᠨ ᠲᠡᠰ ᠤᠨ ᠪᠤᠯᠪᠠᠰᠤᠨ ᠡᠷᠦᠭᠡ᠂ ︽ᠭᠠᠨᠭ᠍ᠭᠠᠡᠭ ᠠᠶᠢᠯ︾ ᠢ ᠰᠤᠩᠭᠤᠨ ᠭᠦᠬᠢᠭᠦᠯᠭᠦ ᠠᠵᠢᠯᠯᠠᠭ᠎ᠠ ᠦᠷᠨᠢᠭᠦᠯᠪᠠ᠃ ᠨᠡᠶᠢᠳᠡ 31 ᠪᠤᠯᠪᠠᠰᠤᠨ ᠭᠠᠴᠠᠭ᠎ᠠ ᠪᠠᠶᠢᠭᠤᠯᠵᠦ᠂ 788 ᠡᠷᠦᠭᠡ ︽ᠠᠷᠪᠠᠨ ᠤᠳᠤᠨ ᠲᠡᠰ ᠤᠨ ᠪᠤᠯᠪᠠᠰᠤᠨ ᠡᠷᠦᠭᠡ︾ ᠰᠢᠯᠭᠠᠷᠠᠭᠤᠯᠬᠰᠠᠨ ᠤ ᠬᠠᠮᠳᠦ᠂ ᠰᠠᠶᠢᠬᠠᠨᠭᠤᠪᠢ ᠰᠤᠮᠤ ᠪᠦᠭᠦ ᠤᠯᠤᠰ ᠤᠨ ᠪᠤᠯᠪᠠᠰᠤᠨ ᠰᠤᠮᠤ ᠪᠠᠷ ᠨᠡᠷᠡᠶᠢᠳᠦᠭᠳᠡᠭᠰᠡᠨ ᠪᠠᠶᠢᠨ᠎ᠠ᠃       ︽ᠲᠦᠷᠪᠡᠨ ᠲᠦᠷᠦᠯ ᠤᠨ ᠪᠤᠯᠪᠠᠰᠤᠨ ᠤ ᠢᠨᠵᠧᠨᠧᠷᠢᠩ︾ ᠢ ᠭᠦᠨᠵᠡᠭᠡᠢ ᠦᠷᠨᠢᠭᠦᠯᠵᠦ᠂ ᠨᠠᠰᠤᠨ ᠳᠤ ᠦᠯᠦ ᠭᠦᠷᠦᠭᠰᠡᠳ ᠲᠤ ᠪᠤᠯᠪᠠᠰᠤᠨ ᠰᠤᠷᠳᠠᠯ ᠢ ᠲᠠᠨᠢᠭᠤᠯᠬᠤ ᠲᠠᠪᠴᠠᠩ ᠬᠠᠨᠭ᠍ᠭᠠᠪᠠ᠃ ᠰᠤᠷᠭᠠᠭᠤᠯᠢ ᠶᠢᠨ ᠭᠦᠷᠢᠶᠡᠨ ᠳᠤ ᠭᠦᠨᠵᠡᠭᠡᠶᠢᠷᠡᠨ᠂ ᠵᠠᠯᠭᠠᠪᠡᠷ 6 ᠬᠤᠭᠤᠴᠠᠭ᠎ᠠ ︽ᠮᠤᠷᠠᠯ ᠰᠠᠶᠢᠳᠠᠢ ᠵᠠᠯᠠᠭᠤ ᠪᠠᠭᠠᠴᠤᠤᠯ︾ ᠢ ᠰᠤᠩᠭᠤᠨ ᠬᠦᠭᠢᠭᠦᠯᠭᠦ ᠠᠵᠢᠯᠯᠠᠭ᠎ᠠ ᠦᠷᠨᠢᠭᠦᠯᠵᠦ᠂ ᠪᠦᠭᠦ ᠬᠤᠰᠢᠭᠤᠨ ᠤ ᠲᠤᠮᠳᠠᠳᠦ ᠪᠠᠭ᠎ᠠ ᠰᠤᠷᠭᠠᠭᠤᠯᠢ ᠠᠴᠠ ᠨᠡᠶᠢᠳᠡ 92 ᠮᠤᠷᠠᠯ ᠰᠠᠶᠢᠳᠠᠢ ᠵᠠᠯᠠᠭᠤ ᠪᠠᠭᠠᠴᠤᠤᠯ ᠢ ᠰᠤᠩᠭᠤᠨ ᠭᠠᠷᠭᠠᠵᠠᠢ᠃ ᠨᠡᠶᠢᠭᠡᠮ ᠲᠤᠭᠤᠷᠢᠭ ᠲᠤ ︽ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠳᠠ ᠶᠢᠨ ᠭᠦᠮᠦᠵᠢᠯ ᠤᠨ ᠰᠠᠭᠤᠷᠢᠨ︾ ᠪᠠᠶᠢᠭᠤᠯᠤᠬᠰᠠᠨ ᠪᠠ ᠨᠡᠶᠢᠭᠡᠮ ᠤᠨ ᠬᠠᠯᠠᠭᠤᠨ ᠰᠡᠳᠬᠢᠯᠳᠡᠳ ᠠᠴᠠ ︽ᠰᠠᠭᠤᠷᠢ ᠰᠤᠷᠭᠠᠨ ᠭᠦᠮᠦᠵᠢᠯ ᠢ ᠱᠠᠩᠨᠠᠨ ᠭᠦᠭᠢᠭᠦᠯᠭᠦ ᠰᠠᠭᠤᠷᠢ ᠮᠦᠡᠭᠭᠦᠨ ᠤ ᠨᠡᠶᠢᠭᠡᠮᠯᠢᠭ︾ ᠪᠠᠶᠢᠭᠤᠯᠵᠦ᠂ ᠰᠢᠯᠢᠳᠡᠭ ᠰᠤᠷᠤᠭᠴᠢ᠂ ᠰᠢᠯᠢᠳᠡᠭ ᠪᠠᠭᠰᠢ ᠪᠤᠯᠤᠨ ᠵᠢᠱᠢᠶᠡᠴᠢ ᠭᠡᠷ ᠤᠨ ᠠᠬᠠᠮᠠᠳ ᠢ ᠱᠠᠩᠨᠠᠨ ᠭᠦᠭᠢᠭᠦᠯᠪᠡ᠃ 2015 ᠤᠨ ᠳᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠭᠦᠮᠦᠵᠢᠯ ᠤᠨ ᠠᠵᠢᠯ ᠤᠨ ᠲᠤᠰᠬᠠᠢ ᠮᠡᠷᠭᠡᠵᠢᠯᠳᠡᠨ ᠢ ᠤᠷᠢᠵᠦ᠂ ᠪᠠᠭᠰᠢ ᠨᠠᠷ ᠪᠠ ᠭᠡᠷ ᠤᠨ ᠠᠬᠠᠮᠠᠳ ᠲᠤ 2 ᠬᠤᠭᠤᠴᠠᠭᠠᠨ ᠤ ᠲᠠᠶᠢᠯᠤᠮᠵᠢ ᠬᠢᠯᠭᠡᠵᠦ᠂ ᠲᠡᠳᠡᠨ ᠤ ᠬᠠᠯᠠᠭᠤᠨ ᠭᠦᠷᠢᠶᠡᠯᠡᠯ ᠢ ᠤᠯᠤᠭᠰᠠᠨ ᠪᠠᠶᠢᠨ᠎ᠠ᠃       ᠲᠤᠰ ᠬᠤᠰᠢᠭᠤ ᠪᠤᠯᠪᠠᠰᠤᠨ ᠬᠤᠭᠤᠯᠠᠨ ᠰᠢᠷᠡᠭᠡ᠂ ᠪᠤᠯᠪᠠᠰᠤᠨ ᠵᠤᠭᠠᠴᠠᠯ᠂ ᠪᠤᠯᠪᠠᠰᠤᠨ ᠨᠠᠶᠢᠷ ᠨᠠᠭᠠᠳᠤᠮ᠂ ᠪᠤᠯᠪᠠᠰᠤᠨ ᠵᠠᠮ ᠬᠠᠷᠢᠯᠴᠠᠭ᠎ᠠ᠂ ᠪᠤᠯᠪᠠᠰᠤᠨ ᠲᠤᠤᠷ ᠰᠦᠯᠵᠢᠶ᠎ᠠ ᠵᠡᠷᠭᠡ ᠲᠠᠪᠤᠨ ᠲᠦᠷᠦᠯ ᠤᠨ ᠠᠵᠢᠯᠯᠠᠭ᠎ᠠ ᠶᠢ ᠪᠠᠳᠤᠳᠠᠢ ᠦᠷᠨᠢᠭᠦᠯᠵᠦ᠂ ᠨᠡᠶᠢᠭᠡᠮ ᠤᠨ ᠪᠤᠯᠪᠠᠰᠤᠨ ᠰᠤᠷᠳᠠᠯ ᠢ ᠤᠬᠠᠭᠤᠯᠤᠨ᠂ ᠤᠯᠠᠨ ᠲᠦᠮᠡᠨ ᠰᠠᠶᠢᠨ ᠲᠤᠷ᠎ᠠ ᠠᠴᠠ ᠪᠠᠨ ᠤᠷᠤᠯᠴᠠᠬᠤ ᠶᠤᠰᠤ ᠰᠤᠷᠳᠠᠬᠤᠨ ᠤ ᠦᠢᠯᠡᠳᠦᠯᠭᠡ ᠪᠠᠷ ᠠᠴᠢᠶᠠᠯᠠᠪᠤᠷᠢ ᠪᠤᠯᠭᠠᠵᠦ᠂ ᠪᠤᠯᠪᠠᠰᠤᠨ ᠤ ᠦᠷ᠎ᠠ ᠲᠠᠯ᠎ᠠ ᠨᠤᠳᠤᠭ ᠤᠨ ᠭᠦᠷᠦᠰᠦᠨ ᠳᠤ ᠭᠦᠨ ᠦᠨᠳᠦᠰᠦᠯᠡᠵᠦ ᠪᠢᠯᠡ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号