ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ ᠶᠢ | ᠵᠤᠭᠰᠤᠭᠠᠬᠤ ᠭᠠᠵᠠᠷ ᠤᠨ ᠪᠠᠶᠢᠭᠤᠯᠭ᠎ᠠ ᠨᠢ ᠰᠢᠯᠢ ᠶᠢᠨ ᠬᠤᠳᠠ ᠶᠢᠨ ᠡᠮᠤᠨ᠎ᠠ ᠵᠦᠭ ᠲᠤ᠂ ᠰᠢᠯᠢ ᠶᠢᠨ ᠬᠤᠳᠠ | ᠠᠴᠠ ᠵᠠᠩᠵᠢᠶᠠᠺᠦᠤ ᠬᠦᠷᠬᠦ ᠤᠯᠤᠰ ᠤᠨ 207 ᠳ᠋ᠤᠭᠠᠷ ᠵᠠᠰᠠᠮᠠᠯ ᠵᠠᠮ ᠳᠠᠬᠢ 7.5 ᠺᠢᠯᠤᠮᠧᠲᠷ ᠤᠨ ᠤᠷᠴᠢᠮ ᠳᠤ | ᠪᠠᠶᠢᠷᠢᠰᠢᠯᠠᠵᠤ ᠪᠤᠢ᠃ ᠪᠦᠬᠦ ᠠᠶᠢᠮᠠᠭ ᠤᠨ 13 ᠬᠤᠰᠢᠭᠤ ᠰᠢᠶᠠᠨ ᠬᠤᠳᠠ ︵ᠲᠤᠭᠤᠷᠢᠭ︶ ᠤᠨ ᠬᠤᠤᠷ | ᠲᠠᠳᠠᠭᠴᠢᠳ ᠢ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ ᠶᠢ ᠨᠢ ᠵᠤᠭᠰᠤᠭᠠᠬᠤ ᠠᠵᠢᠯ ᠲᠤᠰᠢᠶᠠᠯ | ᠢ ᠡᠬᠦᠷᠭᠡᠯᠡᠨ᠎ᠠ᠃ ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ ᠶᠢ | ᠵᠤᠭᠰᠤᠭᠠᠬᠤ ᠭᠠᠵᠠᠷ ᠤᠨ ᠪᠠᠶᠢᠭᠤᠯᠭ᠎ᠠ ᠨᠢ 1981 ᠤᠨ ᠳᠤ ᠦᠭᠡᠷᠡᠴᠢᠯᠡᠨ ᠪᠠᠶᠢᠭᠤᠯᠤᠭᠳᠠᠵᠤ᠂ ᠤᠤᠯ ᠨᠢ | ᠦᠪᠤᠷ ᠮᠤᠩᠭᠤᠯ ᠤᠨ ᠬᠤᠶᠠᠳᠤᠭᠠᠷ ᠬᠦᠳᠡᠯᠮᠤᠷᠢ ᠪᠠᠷ ᠰᠤᠷᠭᠠᠨ ᠬᠦᠮᠤᠵᠢᠬᠦᠯᠬᠦ ᠶᠡᠭᠡ ᠠᠩᠬᠢ ᠭᠡᠵᠤ ᠪᠠᠶᠢᠵᠠᠢ᠃ | ᠢᠩᠬᠢᠭᠡᠳ 1981 ᠤᠨ ᠳᠤ ᠲᠤᠰ ᠪᠠᠶᠢᠭᠤᠯᠭ᠎ᠠ ᠶᠢ ᠤᠷᠤᠨ ᠨᠤᠳᠤᠭ ᠲᠤ ᠰᠢᠯᠵᠢᠬᠦᠯᠤᠨ ᠦᠭᠴᠤ᠂ 1983 | ᠤᠨ ᠳᠤ ᠰᠢᠯᠢ ᠶᠢᠨ ᠭᠤᠤᠯ ᠠᠶᠢᠮᠠᠭ ᠤᠨ ᠬᠦᠳᠡᠯᠮᠤᠷᠢ ᠪᠠᠷ ᠵᠠᠰᠠᠨ ᠬᠦᠮᠤᠵᠢᠬᠦᠯᠬᠦ ᠬᠠᠮᠢᠶᠠᠷᠤᠯᠳᠠ ᠶᠢᠨ ᠭᠠᠵᠠᠷ | ᠭᠡᠵᠤ ᠦᠭᠡᠷᠡᠴᠢᠯᠡᠨ ᠵᠢᠩᠬᠢᠨᠢ ᠪᠠᠷ ᠨᠡᠷᠡᠶᠢᠳᠤᠪᠡ᠃ 2008 ᠤᠨ ᠤ 8 ᠰᠠᠷ᠎ᠠ ᠳᠤ ᠠᠯᠪᠠᠳᠠᠯᠭ᠎ᠠ ᠪᠠᠷ | ᠲᠤᠰᠠᠭᠠᠷᠯᠠᠨ ᠬᠤᠷᠢᠵᠤ ᠬᠤᠤᠷ ᠲᠠᠳᠠᠬᠤ ᠶᠢ ᠵᠤᠭᠰᠤᠭᠠᠬᠤ ᠭᠠᠵᠠᠷ ᠭᠡᠳᠡᠭ ᠫᠠᠶᠢᠰᠠ ᠶᠢ ᠨᠡᠮᠡᠨ ᠡᠯᠬᠦᠵᠤ᠂ 2009 | ᠤᠨ ᠤ 9 ᠰᠠᠷ᠎ᠠ ᠠᠴᠠ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ ᠶᠢ ᠵᠤᠭᠰᠤᠭᠠᠬᠤ ᠬᠦᠮᠤᠰ ᠢ | ᠬᠤᠷᠢᠶᠠᠨ ᠠᠪᠴᠤ ᠡᠬᠢᠯᠡᠨ᠂ 2013 ᠤᠨ ᠤ 12 ᠰᠠᠷ᠎ᠠ ᠳᠤ ᠪᠠᠶᠢᠭᠤᠯᠭ᠎ᠠ ᠶᠢᠨ ᠨᠡᠷ᠎ᠠ ᠪᠠᠨ ᠰᠢᠯᠢ ᠶᠢᠨ ᠭᠤᠤᠯ | ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ ᠶᠢ ᠵᠤᠭᠰᠤᠭᠠᠬᠤ ᠭᠠᠵᠠᠷ ᠭᠡᠵᠤ | ᠪᠦᠷᠢᠮᠤᠰᠤᠨ ᠦᠭᠡᠷᠡᠴᠢᠯᠡᠨ ᠨᠡᠷᠡᠶᠢᠳᠤᠪᠡ᠃ ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠨ | ᠬᠤᠷᠢᠵᠤ ᠬᠤᠤᠷ ᠲᠠᠳᠠᠬᠤ ᠶᠢ ᠵᠤᠭᠰᠤᠭᠠᠬᠤ ᠭᠠᠵᠠᠷ ᠨᠢ ᠰᠢᠯᠢ ᠶᠢᠨ ᠭᠤᠤᠯ ᠠᠶᠢᠮᠠᠭ ᠤᠨ ᠬᠠᠤᠯᠢ ᠴᠠᠭᠠᠵᠠ ᠶᠢᠨ | ᠲᠤᠪᠴᠢᠶᠠᠨ ᠳᠤ ᠬᠠᠷᠢᠶᠠᠯᠠᠭᠳᠠᠭᠰᠠᠨ᠂ ᠭᠠᠵᠠᠷ ᠤᠨ ᠵᠡᠷᠭᠡ ᠲᠡᠰ ᠤᠨ ᠪᠠᠶᠢᠭᠤᠯᠭ᠎ᠠ ᠪᠤᠯᠤᠨ᠎ᠠ᠃ ᠪᠠᠶᠢᠭᠤᠯᠭ᠎ᠠ ᠶᠢᠨ | ᠪᠠᠷᠢᠯᠭ᠎ᠠ ᠶᠢᠨ ᠲᠠᠯᠠᠪᠠᠢ ᠨᠢ 9800m2 ᠪᠠᠶᠢᠵᠤ᠂ ᠪᠦᠬᠦ ᠨᠡᠶᠢᠳᠡ 450 ᠮᠤ᠋ ᠭᠠᠵᠠᠷ ᠢ ᠡᠵᠡᠯᠡᠵᠤ᠂ 500 | ᠬᠦᠮᠤᠨ ᠢ ᠬᠤᠷᠢᠶᠠᠨ ᠠᠪᠬᠤ ᠪᠠᠭᠳᠠᠭᠠᠮᠵᠢ ᠲᠠᠢ ᠪᠢᠯᠡ᠃ | ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ ᠶᠢ | ᠵᠤᠭᠰᠤᠭᠠᠬᠤ ᠭᠠᠵᠠᠷ ᠲᠤ ᠵᠢᠩᠬᠢᠨᠢ ᠠᠵᠢᠯ ᠲᠤᠰᠢᠶᠠᠯ ᠲᠠᠢ ᠴᠠᠭᠳᠠᠭ᠎ᠠ 45 ᠨᠡᠷᠡᠰ ᠬᠦᠮᠤᠨ ᠪᠠᠶᠢᠵᠤ᠂ ᠠᠵᠢᠯ ᠤᠨ | ᠪᠠᠶᠢᠷᠢ ᠳᠠᠬᠢ ᠬᠠᠪᠰᠤᠷᠬᠤ ᠠᠵᠢᠯᠳᠠᠨ 15 ᠨᠡᠷᠡᠰ ᠬᠦᠮᠤᠨ ᠲᠠᠢ ᠶᠤᠮ᠃ ᠪᠠᠶᠢᠭᠤᠯᠭ᠎ᠠ ᠨᠢ 6 ᠰᠠᠯᠠᠭ᠎ᠠ ᠲᠠᠰᠤᠭ | ᠂ 4 ᠶᠡᠭᠡ ᠠᠩᠬᠢ ᠪᠠᠷ ᠪᠦᠷᠢᠯᠳᠤᠵᠠᠢ᠃ ᠲᠠᠷᠤᠢ ᠠᠯᠪᠠᠨ ᠭᠡᠷ᠂ ᠤᠯᠤᠰ ᠲᠦᠷᠤ ᠶᠢᠨ ᠭᠠᠵᠠᠷ᠂ ᠬᠠᠮᠢᠶᠠᠷᠤᠯᠳᠠ | ᠶᠢᠨ ᠠᠯᠪᠠᠨ ᠭᠡᠷ᠂ ᠰᠤᠷᠭᠠᠨ ᠬᠦᠮᠤᠵᠢᠯ ᠢᠶᠠᠷ ᠵᠠᠯᠠᠷᠠᠭᠤᠯᠤᠨ ᠵᠠᠰᠠᠬᠤ ᠠᠯᠪᠠᠨ ᠭᠡᠷ᠂ ᠠᠵᠤ ᠠᠮᠢᠳᠤᠷᠠᠯ ᠡᠷᠡᠬᠦᠯ | ᠬᠠᠮᠠᠭᠠᠯᠠᠯ ᠤᠨ ᠠᠯᠪᠠᠨ ᠭᠡᠷ᠂ ᠤᠷ᠎ᠠ ᠮᠡᠷᠭᠡᠵᠢᠯ ᠪᠤᠯᠪᠠᠰᠤᠷᠠᠯ ᠢᠶᠠᠷ ᠵᠠᠰᠠᠨ ᠵᠠᠯᠠᠷᠠᠭᠤᠯᠬᠤ ᠠᠯᠪᠠᠨ ᠭᠡᠷ᠂ ᠲᠦᠷᠭᠡᠨ | ᠢᠶᠠᠷ ᠬᠤᠤᠷ ᠢ ᠵᠤᠭᠰᠤᠭᠠᠬᠤ ᠶᠡᠭᠡ ᠠᠩᠬᠢ᠂ ᠡᠷᠡᠬᠦᠯᠵᠢᠬᠦᠯᠤᠨ ᠲᠠᠪᠳᠠᠨ ᠪᠤᠯᠪᠠᠰᠤᠷᠠᠭᠤᠯᠬᠤ ᠶᠡᠭᠡ ᠠᠩᠬᠢ᠂ ᠨᠡᠶᠢᠭᠡᠮ | ᠳᠤ ᠪᠤᠴᠠᠬᠤ ᠶᠢ ᠰᠤᠷᠭᠠᠨ ᠬᠦᠮᠤᠵᠢᠬᠦᠯᠬᠦ ᠶᠡᠭᠡ ᠠᠩᠬᠢ᠂ ᠰᠡᠷᠭᠡᠶᠢᠯᠡᠨ ᠬᠠᠮᠠᠭᠠᠯᠠᠬᠤ ᠶᠡᠭᠡ ᠠᠩᠬᠢ ᠵᠡᠷᠭᠡ ᠪᠤᠯᠤᠨ᠎ᠠ᠃ | | ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ ᠶᠢ | ᠵᠤᠭᠰᠤᠭᠠᠬᠤ ᠭᠠᠵᠠᠷ ᠨᠢ ᠭᠤᠤᠯᠳᠠᠭᠤ ᠬᠠᠤᠯᠢ ᠶᠤᠰᠤᠭᠠᠷ ᠪᠠᠷ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ | ᠲᠠᠳᠠᠬᠤ ᠶᠢ ᠵᠤᠭᠰᠤᠭᠠᠬᠤ ᠬᠦᠮᠤᠰ ᠢ ᠬᠤᠷᠢᠶᠠᠨ ᠠᠪᠬᠤ ᠮᠦᠷᠳᠡᠭᠡᠨ ᠲᠡᠳᠡᠨ ᠢ ᠵᠤᠬᠢᠶᠠᠨ ᠪᠠᠶᠢᠭᠤᠯᠤᠨ ᠬᠤᠤᠷ | ᠲᠠᠳᠠᠬᠤ ᠶᠢ ᠵᠤᠭᠰᠤᠭᠠᠵᠤ ᠡᠷᠡᠬᠦᠯᠵᠢᠬᠦᠯᠬᠦ ᠬᠦᠳᠡᠯᠮᠤᠷᠢ ᠦᠢᠯᠡᠳᠪᠤᠷᠢ ᠶᠢᠨ ᠤᠷ᠎ᠠ ᠮᠡᠷᠭᠡᠵᠢᠯ ᠤᠨ ᠪᠤᠯᠪᠠᠰᠤᠷᠠᠯᠳᠠ | ᠶᠢ ᠶᠠᠪᠤᠭᠳᠠᠭᠤᠯᠤᠨ᠎ᠠ᠃ ᠡᠬᠦᠨ ᠳᠤ ᠢᠳᠡᠭᠡᠨ ᠤᠮᠳᠠᠭᠠᠨ ᠤ ᠪᠠᠭᠠᠵᠢ ᠭᠡᠷᠡᠭᠰᠡᠯ ᠢ ᠠᠷᠢᠭᠤᠳᠬᠠᠨ ᠪᠤᠷᠤᠯᠠᠭᠤᠯᠬᠤ | ᠲᠦᠪ ᠪᠠ ᠬᠤᠪᠴᠠᠰᠤ ᠪᠠᠷᠠᠭ᠎ᠠ ᠤᠬᠢᠶᠠᠬᠤ ᠭᠠᠵᠠᠷ ᠵᠡᠷᠭᠡ ᠬᠤᠶᠠᠷ ᠤᠷ᠎ᠠ ᠮᠡᠷᠭᠡᠵᠢᠯ ᠤᠨ ᠦᠢᠯᠡᠳᠪᠤᠷᠢ ᠶᠢᠨ ᠲᠠᠰᠤᠭ | ᠲᠠᠢ ᠪᠠᠶᠢᠳᠠᠭ᠃ | ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ ᠶᠢ | ᠵᠤᠭᠰᠤᠭᠠᠬᠤ ᠭᠠᠵᠠᠷ ᠨᠢ ᠪᠠᠶᠢᠭᠤᠯᠤᠭᠳᠠᠭᠰᠠᠨ ᠠᠴᠠ ᠬᠤᠶᠢᠰᠢᠬᠢ᠂ ᠬᠤᠷᠢᠭᠯᠠᠨ ᠵᠠᠰᠠᠬᠤ ᠰᠤᠷᠭᠠᠨ ᠬᠦᠮᠤᠵᠢᠯ ᠤᠨ | ᠶᠠᠰᠤ ᠴᠢᠨᠠᠷ ᠢ ᠲᠡᠭᠡᠭᠰᠢᠯᠡᠬᠦᠯᠬᠦ ᠪᠠᠷ ᠠᠵᠢᠯ ᠤᠨ ᠭᠤᠤᠯᠳᠠᠯᠭ᠎ᠠ ᠢᠶᠠᠨ ᠪᠤᠯᠭᠠᠵᠤ᠂ ᠪᠤᠯᠪᠠᠰᠤᠨ ᠶᠤᠰᠤ ᠪᠠᠷ ᠬᠠᠤᠯᠢ | ᠶᠠᠪᠤᠭᠳᠠᠭᠤᠯᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ᠂ ᠪᠡᠶ᠎ᠠ ᠴᠤᠤᠭᠴᠠ ᠠᠴᠠ ᠪᠠᠨ ᠬᠤᠤᠷ ᠠᠴᠠ | ᠮᠤᠯᠳᠤᠷᠠᠬᠤ ᠶᠢ ᠰᠤᠳᠤᠯᠤᠨ ᠰᠢᠨᠵᠢᠯᠡᠵᠤ᠂ ᠰᠡᠳᠬᠢᠴᠢ ᠪᠠᠷ ᠵᠠᠯᠠᠷᠠᠭᠤᠯᠤᠨ ᠵᠠᠰᠠᠬᠤ ᠪᠠ ᠬᠦᠳᠡᠯᠮᠤᠷᠢ ᠪᠠᠷ ᠲᠠᠪᠳᠠᠨ | ᠡᠷᠡᠬᠦᠯᠵᠢᠬᠦ ᠶᠢ ᠤᠶᠠᠯᠳᠤᠭᠤᠯᠤᠭᠰᠠᠨ ᠬᠤᠤᠷ ᠵᠤᠭᠰᠤᠭᠠᠬᠤ ᠠᠵᠢᠯ ᠤᠨ ᠠᠷᠭ᠎ᠠ ᠵᠠᠮ ᠢ ᠲᠠᠰᠤᠷᠠᠯᠳᠠ ᠦᠭᠡᠢ | ᠰᠦᠪᠡᠭᠴᠢᠯᠡᠭᠰᠡᠨ ᠢᠶᠠᠷ ᠨᠢᠭᠡ ᠪᠦᠯᠦᠭ ᠬᠤᠤᠷ ᠲᠠᠳᠠᠬᠤ ᠶᠢ ᠵᠤᠭᠰᠤᠭᠠᠬᠤ ᠬᠦᠮᠤᠰ ᠢ ᠠᠮᠵᠢᠯᠳᠠ ᠲᠠᠢ ᠪᠠᠷ ᠠᠪᠤᠷᠠᠨ | ᠵᠠᠰᠠᠭᠰᠠᠨ ᠪᠠᠶᠢᠨ᠎ᠠ᠃ ᠡᠬᠦᠨ ᠤ ᠤᠯᠠᠮ ᠢᠶᠠᠷ ᠰᠢᠯᠢ ᠶᠢᠨ ᠭᠤᠤᠯ ᠠᠶᠢᠮᠠᠭ ᠤᠨ ᠠᠮᠤᠷ ᠲᠤᠭᠳᠠᠭᠤᠨ ᠢ | ᠬᠠᠮᠠᠭᠠᠯᠠᠬᠤ ᠪᠠ ᠠᠵᠤ ᠠᠬᠤᠢ ᠶᠢᠨ ᠪᠦᠳᠤᠭᠡᠨ ᠪᠠᠶᠢᠭᠤᠯᠤᠯᠳᠠ ᠶᠢᠨ ᠬᠦᠭᠵᠢᠯᠳᠡ ᠳᠤ ᠴᠢᠬᠤᠯᠠ ᠦᠢᠯᠡᠳᠤᠯ | ᠦᠵᠡᠬᠦᠯᠵᠠᠢ᠃ | 2007 ᠤᠨ ᠳᠤ ᠤᠨᠴᠠᠭᠠᠶᠢᠯᠠᠨ ᠰᠢᠨ᠎ᠠ ᠤᠳᠤᠷᠢᠳᠬᠤ ᠪᠠᠭ ᠲᠤᠰᠢᠶᠠᠯ ᠳᠤ ᠭᠠᠷᠤᠭᠰᠠᠨ ᠠᠴᠠ ᠬᠤᠶᠢᠰᠢ᠂ | ᠬᠢᠨᠠᠮᠠᠭᠠᠢ ᠪᠠᠶᠢᠴᠠᠭᠠᠯᠳᠠᠰᠤᠳᠤᠯᠤᠯᠳᠠ ᠪᠠᠷ ᠲᠠᠮᠵᠢᠨ ︽ᠨᠢᠭᠡ ᠦᠨᠳᠤᠰᠤ︾᠂ ︵ᠡᠩᠨᠡᠭᠡᠨ ᠤ ᠪᠦᠳᠤᠭᠡᠨ | ᠪᠠᠶᠢᠭᠤᠯᠤᠯᠳᠠ︶᠂ ︽ᠬᠤᠶᠠᠷ ᠠᠮᠤᠷ ᠲᠦᠪᠰᠢᠨ︾ ︵ᠭᠠᠵᠠᠷ ᠤᠨ ᠠᠮᠤᠷ ᠲᠦᠪᠰᠢᠨ᠂ ᠡᠩᠨᠡᠭᠡᠨ ᠤ ᠠᠮᠤᠷ | ᠲᠦᠪᠰᠢᠨ︶ ᠢ ᠪᠠᠳᠤᠯᠠᠵᠠᠢ︔ ︽ᠭᠤᠷᠪᠠᠨ ᠭᠤᠤᠯᠳᠠᠯᠭ᠎ᠠ︾ ︵ᠦᠨᠳᠤᠰᠤᠨ ᠱᠠᠳᠤᠨ ᠤ ᠰᠠᠭᠤᠷᠢ ᠪᠦᠳᠤᠭᠡᠨ | ᠪᠠᠶᠢᠭᠤᠯᠤᠯᠳᠠ᠂ ᠠᠵᠤ ᠠᠬᠤᠢ ᠶᠢᠨ ᠬᠦᠭᠵᠢᠯᠳᠡ᠂ ᠤᠷᠴᠢᠨ ᠲᠤᠭᠤᠷᠢᠭ ᠢ ᠨᠤᠭᠤᠭᠠᠷᠠᠭᠤᠯᠤᠨ ᠭᠤᠶᠤᠯᠠᠵᠤ | ᠦᠩᠭᠡᠯᠡᠬᠦ ᠪᠠᠷ ᠭᠤᠤᠯᠳᠠᠯᠭ᠎ᠠ ᠪᠤᠯᠭᠠᠨ᠎ᠠ︶ ᠶᠢ ᠲᠤᠪᠤᠶᠢᠯᠭᠠᠨ᠎ᠠ︔ ︽ᠲᠦᠷᠪᠡ ᠶᠢ ᠲᠡᠭᠡᠭᠰᠢᠯᠡᠬᠦᠯᠬᠦ︾ ︵ᠬᠤᠤᠷ | ᠲᠠᠳᠠᠬᠤ ᠶᠢ ᠵᠤᠭᠰᠤᠭᠠᠬᠤ ᠬᠦᠮᠤᠰ ᠤᠨ ᠰᠤᠷᠭᠠᠨ ᠬᠦᠮᠤᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ᠂ ᠴᠠᠭᠳᠠᠭᠠᠨ ᠤ | ᠶᠡᠷᠤᠩᠭᠡᠢ ᠪᠤᠯᠪᠠᠰᠤᠷᠠᠯ ᠢ ᠲᠡᠭᠡᠭᠰᠢᠯᠡᠬᠦᠯᠬᠦ᠂ ᠴᠠᠭᠳᠠᠭᠠᠨ ᠤ ᠬᠠᠷᠠᠮᠵᠢ ᠶᠢ ᠲᠡᠭᠡᠭᠰᠢᠯᠡᠬᠦᠯᠬᠦ᠂ ᠪᠠᠶᠢᠭᠤᠯᠭ᠎ᠠ ᠶᠢᠨ | ᠲᠦᠷᠢ ᠲᠦᠷᠬᠦ ᠪᠠᠨ ᠲᠡᠭᠡᠭᠰᠢᠯᠡᠬᠦᠯᠬᠦ︶ ᠶᠢ ᠪᠡᠶᠡᠯᠡᠬᠦᠯᠬᠦ ᠪᠠᠷ ᠲᠡᠮᠡᠴᠡᠬᠦ ᠬᠠᠷᠠᠯᠳᠠ ᠪᠠᠨ ᠪᠤᠯᠭᠠᠵᠠᠢ᠃ ᠮᠦᠨᠴᠤ | ᠡᠳᠡᠭᠡᠷ ᠪᠠᠷ ᠠᠵᠢᠯ ᠤᠨ ᠬᠠᠷᠠᠯᠳᠠ ᠪᠠᠨ ᠲᠤᠭᠳᠠᠭᠠᠵᠤ᠂ ᠦᠵᠡᠯ ᠰᠠᠨᠠᠭ᠎ᠠ ᠪᠠᠨ ᠴᠢᠯᠤᠭᠡᠯᠡᠨ᠂ ᠤᠶᠢᠯᠠᠭᠠᠭᠳᠠᠬᠤᠨ | ᠢᠶᠠᠨ ᠰᠢᠨᠡᠴᠢᠯᠡᠨ᠂ ᠦᠩᠭᠡᠷᠡᠭᠰᠡᠨ ᠤ ᠬᠠᠭᠤᠴᠢᠨ ᠦᠵᠡᠯᠳᠡ ᠶᠢ ᠪᠠᠷᠢᠮᠳᠠᠯᠠᠬᠤ ᠶᠢ ᠲᠠᠶᠠᠭᠳᠠᠨ᠂ ᠪᠦᠬᠦ ᠪᠠᠶᠢᠭᠤᠯᠭ᠎ᠠ | ᠶᠢᠨ ᠴᠠᠭᠳᠠᠭ᠎ᠠ ᠪᠠᠨ ᠲᠠᠭᠠᠭᠤᠯᠤᠨ ᠬᠠᠳᠠᠭᠤᠵᠢᠯᠳᠠᠢ ᠲᠡᠮᠡᠴᠡᠨ᠂ ᠰᠢᠷᠭᠠᠭᠤ ᠴᠢᠷᠮᠠᠶᠢᠭᠰᠠᠨ ᠠᠴᠠ ᠡᠯ᠎ᠠ ᠵᠦᠢᠯ ᠤᠨ | ᠬᠦᠴᠢᠷᠳᠠᠯ ᠲᠠᠢ ᠪᠠᠶᠢᠳᠠᠯ ᠢ ᠦᠨᠳᠤᠰᠤᠨ ᠠᠴᠠ ᠨᠢ ᠬᠤᠪᠢᠷᠠᠭᠤᠯᠵᠤ᠂ ᠠᠵᠢᠯ ᠤᠨ ᠰᠢᠨ᠎ᠠ ᠠᠬᠢᠴᠠ ᠶᠢ | ᠪᠡᠶᠡᠯᠡᠬᠦᠯᠵᠠᠢ᠃ | ᠠᠷᠪᠠᠨ ᠵᠢᠯ ᠤᠨ ᠬᠤᠭᠤᠴᠠᠭᠠᠨ ᠳᠤ ᠦᠩᠭᠡᠷᠡᠭᠰᠡᠨ ᠤ ᠲᠡᠷᠡᠬᠦ ᠡᠪᠡᠰᠤ ᠰᠢᠷᠠᠯᠵᠢ ᠡᠮᠬᠢ ᠲᠢᠭᠯᠢᠮ ᠦᠭᠡᠢ | ᠤᠷᠭᠤᠭᠰᠠᠨ᠂ ᠡᠪᠳᠡᠷᠭᠡᠢ ᠬᠠᠭᠤᠴᠢᠨ ᠭᠡᠷ ᠢ ᠦᠭᠡᠷᠡᠴᠢᠯᠡᠨ ᠤᠳᠤ ᠶᠢᠨ ᠵᠢᠷᠤᠭ ᠮᠡᠳᠤ ᠤᠷᠴᠢᠨ ᠲᠤᠭᠤᠷᠢᠨ ᠲᠠᠢ | ᠠᠰᠠᠷ ᠲᠠᠭᠳᠤ ᠪᠤᠯᠭᠠᠵᠠᠢ᠃ ᠪᠠᠶᠢᠭᠤᠯᠭ᠎ᠠ ᠨᠢ ᠬᠢᠨᠠᠨ ᠭᠡᠳᠡᠬᠦ ᠡᠵᠡᠮᠰᠢᠯ᠂ ᠡᠬᠦᠳᠡᠨ ᠬᠤᠷᠢᠭᠯᠠᠯᠳᠠ ᠶᠢᠨ ᠰᠢᠰᠲ᠋ᠧᠮ᠂ | ᠪᠠᠴᠢᠮ ᠪᠠᠶᠢᠳᠠᠯ ᠤᠨ ᠮᠡᠳᠡᠭᠡᠯᠡᠯ ᠤᠨ ᠲᠤᠬᠢᠶ᠎ᠠ ᠵᠠᠩᠬᠢᠶᠠᠨ ᠤ ᠰᠢᠰᠲ᠋ᠧᠮ ᠵᠡᠷᠭᠡ ᠪᠠᠷ ᠠᠮᠤᠷ ᠲᠦᠪᠰᠢᠨ ᠤ | ᠰᠡᠷᠭᠡᠶᠢᠯᠡᠯᠳᠡ ᠶᠢ ᠪᠠᠬᠢᠵᠢᠬᠦᠯᠵᠠᠢ᠃ ᠪᠦᠬᠦ ᠠᠯᠪᠠᠨ ᠭᠡᠷ ᠲᠡᠭᠡᠨ ᠤᠯᠤᠰ ᠲᠦᠷᠤ ᠬᠠᠤᠯᠢ ᠴᠠᠭᠠᠵᠠ ᠶᠢᠨ ᠰᠦᠯᠵᠢᠶ᠎ᠠ᠂ | ᠨᠧᠲ ᠰᠦᠯᠵᠢᠶ᠎ᠠ ᠵᠡᠷᠭᠡ ᠶᠢ ᠤᠭᠰᠠᠷᠠᠵᠤ ᠨᠡᠪᠳᠡᠷᠡᠬᠦᠯᠦᠭᠰᠡᠨ ᠢᠶᠠᠷ ᠰᠤᠷᠭᠠᠨ ᠬᠦᠮᠤᠵᠢᠬᠦᠯᠤᠯᠳᠡ ᠪᠠ | ᠬᠠᠮᠢᠶᠠᠷᠤᠯᠳᠠ ᠶᠢᠨ ᠭᠤᠤᠯ ᠰᠤᠷᠠᠭ ᠴᠢᠮᠡᠭᠡᠨ ᠤ ᠴᠢᠭ ᠪᠤᠯᠵᠤ᠂ ᠰᠤᠷᠭᠠᠨ ᠬᠦᠮᠤᠵᠢᠯ ᠤᠨ ᠶᠠᠪᠤᠴᠠ ᠳᠠᠭᠠᠨ ᠤᠯᠠᠨ | ᠵᠠᠭᠤᠴᠢᠳᠤ ᠮᠠᠰᠢᠨ ᠢ ᠦᠷᠭᠡᠨ ᠢᠶᠠᠷ ᠠᠰᠢᠭᠯᠠᠨ ᠭᠡᠷᠡᠭᠯᠡᠵᠠᠢ᠃ ᠡᠮᠴᠢᠯᠡᠭᠡᠨ ᠤ ᠲᠦᠬᠦᠭᠡᠷᠤᠮᠵᠢ ᠪᠠᠨ ᠪᠦᠷᠢᠨ | ᠪᠤᠯᠭᠠᠵᠤ᠂ ᠡᠮᠴᠢᠯᠡᠬᠦ ᠦᠨᠡᠮᠯᠡᠯ ᠲᠠᠢ ᠡᠮᠴᠢ᠂ ᠰᠤᠪᠢᠯᠠᠭᠴᠢ ᠲᠠᠢ ᠮᠦᠷᠳᠡᠭᠡᠨ ᠭᠤᠷᠪᠠᠨ ᠤᠳᠤᠳᠤ ᠡᠮᠨᠡᠯᠭᠡ ᠶᠢᠨ | ᠬᠤᠷᠢᠶ᠎ᠠ ᠲᠠᠢ ᠬᠠᠷᠢᠴᠠᠭ᠎ᠠ ᠪᠠᠶᠢᠭᠤᠯᠵᠤ᠂ ᠬᠤᠤᠷ ᠲᠠᠳᠠᠬᠤ ᠶᠢ ᠵᠤᠭᠰᠤᠭᠴᠢᠳ ᠤᠨ ᠡᠪᠡᠳᠴᠢᠨ ᠢ ᠴᠠᠭ ᠲᠤᠬᠠᠢ | ᠳᠤᠨᠢ ᠡᠮᠴᠢᠯᠡᠵᠤ ᠴᠢᠳᠠᠵᠠᠢ᠃ ᠬᠤᠤᠷ ᠲᠠᠳᠠᠬᠤ ᠶᠢ ᠵᠤᠭᠰᠤᠭᠠᠭᠴᠢᠳ ᠲᠤ ᠴᠡᠪᠡᠷ ᠲᠡᠭᠰᠢ ᠪᠠᠶᠢᠷᠢ ᠶᠢᠨ ᠭᠡᠷ | ᠲᠤᠬᠢᠷᠠᠭᠤᠯᠵᠤ᠂ ᠤᠳᠤᠬᠢᠴᠢᠯᠠᠭᠰᠠᠨ ᠠᠮᠢᠳᠤᠷᠠᠯ ᠤᠨ ᠲᠦᠬᠦᠭᠡᠷᠤᠮᠵᠢ ᠲᠠᠢ ᠮᠦᠷᠳᠡᠭᠡᠨ ᠬᠤᠤᠷ ᠲᠠᠳᠠᠬᠤ ᠶᠢ | ᠵᠤᠭᠰᠤᠭᠴᠢᠳ ᠤᠨ ᠢᠳᠡᠭᠡ ᠤᠮᠳᠠᠭᠠᠨ ᠨᠢ ᠭᠡᠯᠳᠡᠰ ᠤᠨ ᠲᠡᠰ ᠤᠨ ᠪᠠᠷᠢᠮᠵᠢᠶᠠᠨ ᠳᠤ ᠬᠦᠷᠦᠭᠰᠡᠨ ᠶᠤᠮ᠃ | ᠲᠡᠭᠡᠭᠡᠳ ᠠᠵᠤ ᠠᠮᠢᠳᠤᠷᠠᠯ ᠡᠷᠡᠬᠦᠯ ᠬᠠᠮᠠᠭᠠᠯᠠᠯ ᠤᠨ ᠠᠵᠢᠯ ᠨᠢ ᠪᠦᠬᠦ ᠤᠷᠤᠨ ᠤ ᠲᠡᠷᠢᠬᠦᠨ ᠤ ᠨᠢᠭᠡᠴᠡ ᠪᠠᠷ | ᠦᠨᠡᠯᠡᠭᠳᠡᠭᠰᠡᠨ ᠪᠠᠶᠢᠨ᠎ᠠ᠃ ︽ᠮᠤᠩᠭᠤᠯ ᠬᠢᠳᠠᠳ︾ ᠬᠤᠤᠰ ᠭᠡᠯᠡᠨ ᠤ ᠰᠤᠷᠭᠠᠨ ᠬᠦᠮᠤᠵᠢᠯ ᠢ ᠡᠷᠬᠢᠯᠡᠭᠰᠡᠨ ᠨᠢ | ᠦᠨᠳᠤᠰᠤᠳᠡᠨ ᠤ ᠤᠨᠴᠠᠯᠢᠭ ᠢ ᠲᠤᠪᠤᠶᠢᠯᠭᠠᠭᠰᠠᠨ ᠪᠠᠶᠢᠨ᠎ᠠ᠃ ᠰᠢᠨ᠎ᠠ ᠪᠠᠷ ᠪᠠᠶᠢᠭᠤᠯᠤᠭᠰᠠᠨ ᠪᠠᠷᠢᠮᠵᠢᠶᠠᠳᠤ ᠬᠤᠶᠠᠷ | ᠲᠦᠷᠤᠯ ᠤᠨ ᠤᠷ᠎ᠠ ᠮᠡᠷᠭᠡᠵᠢᠯ ᠤᠨ ᠦᠢᠯᠡᠳᠪᠤᠷᠢ ᠤᠨ ᠲᠠᠰᠤᠭ ᠨᠢ ᠬᠤᠤᠷ ᠲᠠᠳᠠᠬᠤ ᠶᠢ ᠵᠤᠭᠰᠤᠭᠴᠢᠳ ᠲᠤ | ᠮᠡᠷᠭᠡᠵᠢᠯ ᠤᠨ ᠪᠤᠯᠪᠠᠰᠤᠷᠠᠯ ᠤᠨ ᠲᠠᠶᠢᠰᠠ ᠶᠢ ᠬᠠᠩᠭᠠᠨ ᠦᠭᠴᠤ᠂ ᠦᠢᠯᠡᠰ ᠪᠤᠰᠬᠠᠬᠤ ᠪᠤᠯᠪᠠᠰᠤᠷᠠᠯ ᠤᠨ ᠠᠩᠬᠢ᠂ | ᠠᠵᠢᠯ ᠮᠡᠷᠭᠡᠵᠢᠯ ᠤᠨ ᠪᠤᠯᠪᠠᠰᠤᠷᠠᠯ ᠤᠨ ᠠᠩᠬᠢ ᠡᠷᠬᠢᠯᠡᠭᠰᠡᠨ ᠨᠢ ᠲᠡᠳᠡᠨ ᠤ ᠨᠡᠶᠢᠭᠡᠮ ᠳᠤ ᠪᠤᠴᠠᠵᠤ ᠪᠡᠶ᠎ᠠ ᠪᠠᠨ | ᠲᠠᠭᠠᠭᠠᠨ ᠠᠵᠢᠯᠯᠠᠵᠤ ᠠᠮᠢᠳᠤᠷᠠᠨ᠂ ᠦᠪᠡᠷᠳᠡᠭᠡᠨ ᠠᠵᠢᠯ ᠦᠢᠯᠡᠰ ᠡᠷᠬᠢᠯᠡᠬᠦ᠂ ᠠᠵᠢᠯ ᠤᠯᠬᠤ ᠳᠤ ᠨᠢ ᠰᠠᠭᠤᠷᠢ | ᠲᠠᠯᠪᠢᠨ ᠦᠭᠴᠠᠢ᠃ ᠤᠯᠠᠨ ᠶᠠᠩᠵᠤ ᠶᠢᠨ ᠲᠦᠷᠰᠤ ᠭᠡᠯᠪᠡᠷᠢ ᠪᠠᠷ ᠪᠠᠶᠠᠯᠢᠭ ᠰᠤᠶᠤᠯ ᠤᠨ ᠪᠦᠳᠤᠭᠡᠨ | ᠪᠠᠶᠢᠭᠤᠯᠤᠯᠳᠠ ᠶᠠᠪᠤᠭᠳᠠᠭᠤᠯᠤᠭᠰᠠᠨ ᠨᠢ ᠵᠠᠯᠠᠷᠠᠭᠤᠯᠤᠨ ᠵᠠᠰᠠᠬᠤ ᠰᠤᠷᠭᠠᠨ ᠬᠦᠮᠤᠵᠢᠯ ᠳᠤ ᠰᠠᠶᠢᠨ ᠰᠠᠶᠢᠬᠠᠨ ᠤᠷᠴᠢᠨ | ᠲᠤᠭᠤᠷᠢᠨ ᠢ ᠪᠤᠢ ᠪᠤᠯᠭᠠᠵᠠᠢ᠃ | ᠴᠠᠭᠳᠠᠭᠠᠨ ᠤ ᠬᠦᠮᠤᠵᠢᠯ ᠳᠤ ᠤᠯᠤᠰ ᠲᠦᠷᠤ ᠪᠠᠷ ᠴᠤᠭᠴᠠᠯᠠᠨ᠂ ᠶᠤᠰᠤ ᠰᠤᠷᠳᠠᠬᠤᠨ ᠢᠶᠠᠷ | ᠴᠢᠩᠭᠠᠳᠬᠠᠭᠰᠠᠨ᠂ ᠰᠤᠶᠤᠯ ᠪᠤᠯᠪᠠᠰᠤᠷᠠᠯ ᠢᠶᠠᠷ ᠪᠢᠯᠬᠠᠭᠰᠠᠨ ᠤᠷᠴᠢᠨ ᠲᠤᠭᠤᠷᠢᠨ ᠢ ᠪᠤᠢ ᠪᠤᠯᠭᠠᠵᠤ᠂ ᠤᠯᠤᠰ | ᠲᠦᠷᠤ ᠶᠢᠨ ᠤᠨᠤᠯ᠂ ᠲᠤᠬᠠᠶᠢᠯᠠᠭᠰᠠᠨ ᠠᠵᠢᠯ ᠢᠶᠠᠷ ᠬᠠᠤᠯᠢ ᠭᠡᠷᠡᠭᠵᠢᠬᠦᠯᠵᠤ᠂ ᠠᠵᠢᠯ ᠤᠨ ᠪᠠᠶᠢᠷᠢ ᠶᠢᠨ ᠮᠡᠷᠭᠡᠵᠢᠯ | ᠴᠢᠳᠠᠪᠤᠷᠢ ᠶᠢᠨ ᠪᠤᠯᠪᠠᠰᠤᠷᠠᠯ ᠢ ᠪᠦᠬᠦ ᠵᠢᠯ ᠢᠶᠠᠷ ᠡᠷᠬᠢᠯᠡᠬᠦᠯᠤᠨ᠂ 80% ᠶᠢᠨ ᠴᠠᠭᠳᠠᠭ᠎ᠠ ᠪᠠᠨ ᠤᠷᠤᠨ ᠤ | ᠭᠠᠳᠠᠨ᠎ᠠ ᠲᠤᠳᠤᠨᠠᠬᠢ ᠡᠯ᠎ᠠ ᠵᠦᠢᠯ ᠤᠨ ᠪᠤᠯᠪᠠᠰᠤᠷᠠᠯ ᠳᠤ ᠤᠷᠤᠯᠴᠠᠭᠤᠯᠤᠭᠰᠠᠨ ᠤ ᠤᠯᠠᠮ ᠢᠶᠠᠷ ᠴᠠᠭᠳᠠᠭᠠᠨ ᠤ ᠶᠠᠰᠤ | ᠴᠢᠨᠠᠷ ᠤᠨ ᠨᠡᠶᠢᠳᠡᠮ ᠲᠡᠭᠡᠭᠰᠢᠯᠡᠯᠳᠡ ᠶᠢ ᠪᠡᠶᠡᠯᠡᠬᠦᠯᠵᠠᠢ᠃ ᠴᠠᠭᠳᠠᠭᠠᠨ ᠳᠠᠭᠠᠨ ᠡᠯᠪᠡᠭ ᠬᠠᠷᠠᠮᠵᠢ ᠰᠢᠯᠢᠳᠡᠭ | ᠦᠢᠯᠡᠴᠢᠯᠡᠭᠡ ᠪᠠᠷ ᠬᠠᠨᠳᠤᠨ᠂ ᠪᠦᠬᠦ ᠪᠠᠶᠢᠭᠤᠯᠭ᠎ᠠ ᠶᠢᠨ ᠢᠶᠠᠨ ᠴᠠᠭᠳᠠᠭᠠᠨ ᠳᠤ ᠲᠡᠳ᠋ ᠰᠠᠯᠠᠭᠠᠨ ᠲᠡᠰ ᠠᠴᠠ | ᠲᠡᠭᠡᠭᠰᠢᠬᠢ ᠬᠠᠷᠠᠮᠵᠢ ᠶᠢ ᠤᠯᠭᠤᠵᠠᠢ᠃ | ᠴᠢᠷᠮᠠᠶᠢᠯᠭ᠎ᠠ ᠬᠦᠮᠤᠨ ᠢ ᠭᠤᠮᠤᠳᠠᠭᠠᠬᠤ ᠦᠭᠡᠢ ᠭᠡᠳᠡᠭ ᠢᠶᠠᠷ ᠤᠳᠤᠬᠠᠨ ᠤ ᠰᠢᠯᠢ ᠶᠢᠨ ᠭᠤᠤᠯ ᠠᠶᠢᠮᠠᠭ ᠤᠨ | ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ ᠶᠢ ᠵᠤᠭᠰᠤᠭᠠᠬᠤ ᠭᠠᠵᠠᠷ ᠨᠢᠭᠡᠨᠳᠡ ᠰᠢᠨ᠎ᠠ ᠦᠩᠭᠡ | ᠵᠢᠰᠤ ᠪᠠᠷ ᠰᠤᠯᠢᠭᠳᠠᠨ᠂ ᠬᠠᠳᠠᠭᠤ ᠵᠦᠭᠡᠯᠡᠨ ᠲᠤᠨᠤᠭᠯᠠᠯ ᠤᠨ ᠪᠦᠳᠤᠭᠡᠨ ᠪᠠᠶᠢᠭᠤᠯᠤᠯᠳᠠ ᠨᠢ ᠴᠤ ᠪᠦᠷ ᠤᠷᠢᠳᠠ | ᠡᠮᠤᠨ᠎ᠠ ᠭᠠᠷᠤᠭᠠᠳᠤᠢ ᠰᠠᠶᠢᠨ ᠬᠢᠷᠢ ᠪᠦᠳᠤᠮᠵᠢ ᠶᠢᠨ ᠭᠡᠮᠵᠢᠶᠡᠨ ᠳᠤ ᠬᠦᠷᠴᠤ᠂ ᠲᠤᠭᠳᠠᠮᠠᠯ ᠬᠦᠷᠤᠩᠭᠡ ᠨᠢ ᠴᠤ | ᠵᠢᠯ ᠠᠴᠠ ᠵᠢᠯ ᠨᠡᠮᠡᠭᠳᠡᠵᠤ ᠪᠠᠶᠢᠨ᠎ᠠ᠃ | ᠤᠳᠤᠬᠠᠨ ᠳᠤ ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠨ ᠬᠤᠷᠢᠵᠤ ᠬᠤᠤᠷ ᠲᠠᠳᠠᠬᠤ | ᠶᠢ ᠵᠤᠭᠰᠤᠭᠠᠬᠤ ᠭᠠᠵᠠᠷ ᠤᠨ ᠨᠠᠮ ᠤᠨ ᠵᠦᠪᠯᠡᠯ ᠨᠢ ᠵᠤᠷᠢᠭ ᠲᠡᠬᠦᠯᠳᠡᠷ ᠦᠨᠳᠤᠷ ᠤᠷᠮ᠎ᠠ ᠲᠠᠢ ᠪᠠᠷ ᠪᠦᠬᠦ | ᠪᠠᠶᠢᠭᠤᠯᠭ᠎ᠠ ᠶᠢᠨ ᠴᠠᠭᠳᠠᠭ᠎ᠠ ᠪᠠᠨ ᠲᠠᠭᠠᠭᠤᠯᠤᠨ᠂ ᠬᠤᠤᠷ ᠲᠠᠳᠠᠬᠤ ᠶᠢ ᠵᠤᠭᠰᠤᠭᠠᠬᠤ ᠦᠢᠯᠡᠰ ᠤᠨ ᠬᠦᠭᠵᠢᠯᠳᠡ ᠶᠢ | ᠲᠦᠯᠬᠢᠨ ᠠᠬᠢᠭᠤᠯᠬᠤ ᠶᠢᠨ ᠲᠦᠯᠦᠭᠡ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠦᠯᠦᠭᠡ ᠴᠢᠷᠮᠠᠶᠢᠨ | ᠲᠡᠮᠡᠴᠡᠭᠰᠡᠭᠡᠷ ᠪᠠᠶᠢᠨ᠎ᠠ᠃ | | |