ᠰᠢᠯᠢ ᠶᠢᠨ ᠭᠤᠤᠯ ᠠᠶᠢᠮᠠᠭ ᠤᠨ ᠤᠯᠤᠰ ᠤᠨ ᠦᠮᠴᠢᠯᠡᠯᠲᠦ  ᠬᠦᠷᠦᠩᠭᠡ ᠶᠢᠨ ᠬᠢᠨᠠᠨ ᠬᠠᠮᠢᠶᠠᠷᠬᠤ ᠠᠯᠪᠠᠨ
ᠨᠡᠶᠢᠲᠡᠯᠡᠭᠰᠡᠨ ᠴᠠᠭ᠄
2016/9/26
    ᠰᠢᠯᠢ ᠶᠢᠨ ᠭᠤᠤᠯ ᠠᠶᠢᠮᠠᠭ ᠤᠨ ᠤᠯᠤᠰ ᠤᠨ ᠦᠮᠴᠢᠯᠡᠯᠲᠦ  ᠬᠦᠷᠦᠩᠭᠡ ᠶᠢᠨ ᠬᠢᠨᠠᠨ ᠬᠠᠮᠢᠶᠠᠷᠬᠤ ᠠᠯᠪᠠᠨ ᠭᠡᠷ ︵ᠳᠦᠬᠦᠮᠴᠢᠯᠡᠪᠡᠯ᠄ ᠤᠯᠤᠰ ‍ᠤᠨ‌ᠦᠮᠴᠢᠯᠡᠯᠲᠦ ᠬᠦᠷᠦᠩᠭᠡ ᠶᠢᠨ  ᠠᠯᠪᠠᠨ ᠭᠡᠷ︶ ᠪᠤᠯ ᠪᠦᠬᠦ ᠠᠶᠢᠮᠠᠭ ᠤᠨ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ᠂  ᠠᠶᠢᠮᠠᠭ ᠤᠨ ᠡᠳ᠋ ᠤᠨ ᠵᠠᠰᠠᠭ ᠤᠨ ᠲᠤᠪᠴᠢᠶᠠᠨ ᠤ ᠬᠠᠷᠢᠶ᠎ᠠ ᠪᠠᠶᠢᠭᠤᠯᠭ᠎ᠠ ᠪᠤᠯᠤᠨ᠎ᠠ᠃ ᠵᠤᠬᠢᠶᠠᠨ ᠪᠠᠶᠢᠭᠤᠯᠤᠯᠲᠠ ᠠᠷᠠᠳ ᠤᠨ ᠶᠠᠪᠤᠳᠠᠯ ᠤᠨ ᠬᠠᠷᠢᠴᠠᠭ᠎ᠠ ᠶᠢ ᠠᠶᠢᠮᠠᠭ ᠤᠨ ᠡᠳ᠋ ᠤᠨ ᠵᠠᠰᠠᠭ ᠤᠨ ᠲᠤᠪᠴᠢᠶᠠᠨ ᠠᠴᠠ ᠬᠠᠮᠢᠶᠠᠷᠤᠨ᠎ᠠ᠃    ᠰᠢᠯᠢ ᠶᠢᠨ ᠭᠤᠤᠯ ᠠᠶᠢᠮᠠᠭ ‍ᠤᠨ‌ᠤᠯᠤᠰ ‍ᠤᠨ‌ᠦᠮᠴᠢᠯᠡᠯᠲᠦ ᠬᠦᠷᠦᠩᠭᠡ ᠶᠢᠨ ᠠᠯᠪᠨ ᠭᠡᠷ ᠨᠢ ᠠᠶᠢᠮᠠᠭ ᠤᠨ ᠵᠠᠬᠢᠷᠭᠠᠨ ᠠᠴᠠ ᠤᠯᠭᠤᠭᠰᠠᠨ ᠡᠷᠭᠡ ᠶᠤᠰᠤᠭᠠᠷ᠂ ᠠᠶᠢᠮᠠᠭ ᠤᠨ ᠵᠠᠬᠢᠷᠭᠠᠨ ᠠᠴᠠ ᠪᠡᠯᠡ ᠤᠷᠤᠭᠤᠯᠤᠭᠰᠠᠨ ᠠᠵᠦ ᠠᠬᠤᠶᠢᠯᠠᠯ ᠳᠤ ᠪᠡᠯᠡ ᠤᠷᠤᠭᠤᠯᠤᠭᠴᠢ ᠶᠢᠨ ᠲᠦᠯᠦᠭᠡᠯᠡᠭᠴᠢ ᠶᠢᠨ ᠬᠠᠷᠢᠭᠤᠴᠯᠠᠭ᠎ᠠ ᠡᠬᠦᠷᠭᠡᠯᠡᠨ᠎ᠡ᠃ ᠪᠤᠳᠠᠳᠠᠢ ᠪᠠᠷ ᠬᠡᠯᠡᠪᠡᠯ ᠰᠢᠯᠢ ᠶᠢᠨ ᠭᠤᠤᠯ ᠠᠶᠢᠮᠠᠭ ᠤᠨ ᠠᠶᠢᠮᠠᠭ ᠤᠨ ᠬᠠᠷᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ ᠪᠠᠶᠢᠭᠤᠯᠭ᠎ᠠ ᠬᠢᠬᠡᠳ‌ᠠᠶᠢᠮᠠᠭ ᠤᠨ ᠬᠠᠷᠢᠶ᠎ᠠ  ᠤᠯᠤᠰ ᠤᠨ ᠦᠮᠴᠢᠯᠡᠯᠲᠣ ᠠᠵᠦ ᠠᠬᠤᠶᠢᠯᠠᠯ ᠤᠨ ᠣᠯᠣᠰ ᠤᠨ ᠦᠮᠴᠢᠯᠡᠯᠲᠦ ᠬᠦᠷᠦᠩᠭᠡ ᠶᠢ ᠬᠢᠨᠠᠨ ᠬᠠᠮᠢᠶᠠᠷᠬᠤ ᠠᠵᠢᠯ ᠢ ᠬᠢᠳᠡᠭ᠃ ᠠᠶᠢᠮᠠᠭ ‍ᠤᠨ‌ᠤᠯᠤᠰ ‍ᠤᠨ‌ᠦᠮᠴᠢᠯᠡᠯᠲᠦ ᠬᠦᠷᠦᠩᠭᠡ ᠶᠢᠨ ᠠᠯᠪᠠᠨ ᠭᠡᠷ ᠤᠨ ᠭᠤᠤᠯ ᠪᠤᠯᠬᠤ ᠡᠬᠦᠷᠬᠡ ᠬᠠᠷᠢᠭᠤᠴᠠᠯᠭ᠎ᠠ ᠪᠤᠯ᠄ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠪᠠᠶᠢᠭᠤᠯᠭ᠎ᠠ ᠶᠢᠨ ᠤᠯᠤᠰ ᠤᠨ ᠦᠮᠴᠢᠯᠡᠯᠲᠦ  ᠬᠦᠷᠦᠩᠭᠡ ᠶᠢᠨ ᠡᠷᠬᠡ   ᠶᠢ ᠬᠠᠮᠢᠶᠠᠷᠬᠤ ᠪᠠ ᠤᠯᠤᠰ  ᠤᠨ ᠦᠮᠴᠢᠯᠡᠯᠲᠦ ᠬᠦᠷᠦᠩᠭᠡ ᠶᠢᠨ ᠶᠡᠷᠦᠩᠭᠡᠢ ᠬᠠᠮᠢᠶᠠᠷᠤᠯᠲᠠ ᠶᠢ ᠬᠠᠷᠢᠭᠤᠴᠠᠨ᠎ᠠ᠃ ᠠᠶᠢᠮᠠᠭ ᠤᠨ ᠵᠠᠬᠢᠷᠭ᠎ᠠ ᠶᠢ ᠲᠦᠯᠦᠬᠡᠯᠡᠵᠦ ᠪᠡᠯᠡ ᠤᠷᠤᠭᠤᠯᠤᠭᠰᠨ ᠠᠵᠦ ᠠᠬᠤᠶᠢᠯᠠᠯ ᠳᠤ ᠬᠠᠥᠯᠢ ᠶᠤᠰᠤᠭᠠᠷ ᠪᠡᠯᠡ ᠤᠷᠤᠭᠤᠯᠤᠭᠴᠢ ᠶᠢᠨ ᠡᠬᠦᠷᠬᠡ ᠬᠠᠷᠢᠭᠤᠴᠠᠯᠭ᠎ᠠ ᠶᠢ ᠭᠦᠢᠴᠡᠳᠬᠡᠵᠦ᠂ ᠠᠶᠢᠮᠠᠭ ᠤᠨ ᠬᠠᠷᠢᠶ᠎ᠠ ᠤᠯᠤᠰ ᠤᠨ ᠦᠮᠴᠢᠯᠡᠯᠲᠦ ᠲᠤᠰᠠᠭᠠᠷ  ᠪᠡᠯᠡᠲᠦ ᠠᠵᠦ ᠠᠬᠤᠶᠢᠯᠠᠯ ᠬᠢᠬᠡᠳ ᠬᠤᠪᠢ ᠡᠵᠡᠮᠰᠢᠭᠰᠡᠨ ︵ᠬᠤᠪᠢ ᠤᠷᠤᠭᠤᠯᠤᠭᠰᠠᠨ︶ ᠠᠵᠦ ᠠᠬᠤᠶᠢᠯᠠᠯ ᠤᠨ ᠤᠯᠤᠰ ᠤᠨ ᠦᠮᠴᠢᠯᠡᠯᠲᠦ  ᠬᠦᠷᠦᠩᠭᠡ ᠶᠢᠨ ᠡᠷᠬᠡ ᠶᠢ ᠬᠢᠨᠠᠨ ᠬᠠᠮᠢᠶᠠᠷᠤᠨ᠎ᠠ᠃ ᠤᠯᠤᠰ ᠬᠢᠬᠡᠳ ᠤᠷᠤᠨ ᠤ ᠤᠯᠤᠰ ‍ᠤᠨ‌ᠦᠮᠴᠢᠯᠡᠯᠲᠦ ᠬᠦᠷᠦᠩᠭᠡ ᠶᠢᠨ ᠲᠤᠬᠠᠢ ᠬᠠᠣᠯᠢ ᠴᠠᠭᠠᠵᠠ᠂ ᠬᠠᠥᠯᠢ ᠳᠦᠷᠢᠮ ᠪᠠ ᠳᠦᠷᠢᠮ ᠲᠤᠭᠳᠠᠭᠠᠯ ᠢ ᠬᠡᠷᠡᠭᠵᠢᠬᠦᠯᠦᠨ᠎ᠡ  ᠃ ᠤᠯᠤᠰ ‍ᠤᠨ‌ᠦᠮᠴᠢᠯᠡᠯᠲᠦ ᠬᠦᠷᠦᠩᠭᠡ ᠶᠢᠨ ᠬᠢᠨᠠᠯᠲᠠ ᠳᠠᠯᠪᠢᠬᠤ᠂ ᠬᠠᠮᠢᠶᠠᠷᠤᠯᠲᠠ ᠡᠵᠡᠩᠨᠡᠯᠲᠡ᠂ ᠬᠦᠷᠦᠩᠭᠡ ᠶᠢᠨ ᠠᠰᠢᠭ ᠢ ᠬᠤᠷᠢᠶᠠᠬᠤ ᠵᠡᠷᠬᠡ ᠡᠯ᠎ᠡ ᠲᠠᠯ᠎ᠠ ᠶᠢᠨ ᠲᠦᠷᠦ ᠶᠢᠨ ᠪᠤᠳᠤᠯᠭ᠎ᠠ ᠶᠢ ᠭᠡᠷᠡᠭᠵᠢᠬᠦᠯᠦᠨ᠎ᠡ᠃ ᠤᠯᠤᠰ ‍ᠤᠨ‌ᠦᠮᠴᠢᠯᠡᠯᠲᠦ ᠬᠦᠷᠦᠩᠭᠡ ᠳᠤ ᠬᠠᠷᠭᠤᠯᠤᠯᠲᠠ ᠬᠢᠬᠦ᠂  ᠡᠷᠬᠡ ᠶᠢ ᠳᠠᠩᠰᠠᠯᠠᠬᠤ᠂ ᠡᠷᠬᠡ ᠶᠢ ᠲᠤᠳᠤᠷᠬᠠᠶᠢᠯᠠᠬᠤ᠂ ᠪᠦᠷᠢᠳᠭᠡᠯ ᠬᠢᠬᠦ ᠵᠡᠷᠬᠡ ᠦᠨᠳᠦᠰᠦᠨ ᠠᠵᠢᠯ ᠢ ᠶᠠᠪᠤᠭᠳᠠᠭᠤᠯᠤᠨ᠎ᠠ᠃ ᠡᠵᠡᠩᠨᠡᠯᠲᠡ ᠶᠢᠨ ᠴᠢᠨᠠᠷᠲᠠᠢ ᠤᠯᠤᠰ ‍ᠤᠨ‌ᠦᠮᠴᠢᠯᠡᠯᠲᠦ ᠬᠦᠷᠦᠩᠭᠡ ᠶᠢᠨ ᠦᠷᠳᠡᠭ ᠪᠠᠳᠤᠯᠠᠬᠤ ᠦᠷᠳᠡᠭ ᠨᠡᠮᠡᠭᠳᠡᠬᠦᠯᠬᠦ ᠶᠢ ᠬᠢᠨᠠᠨ ᠬᠠᠮᠢᠶᠠᠷᠴᠦ ᠰᠢᠯᠭᠠᠨ ᠪᠠᠶᠢᠴᠠᠭᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠦ ᠤᠯᠤᠰ ‍ᠤᠨ‌ᠦᠮᠴᠢᠯᠡᠯᠲᠦ ᠬᠦᠷᠦᠩᠭᠡ ᠶᠢᠨ ᠡᠷᠬᠡ ᠶᠢᠨ ᠵᠢᠭᠤᠷᠠᠭᠠᠨ ᠪᠠ ᠤᠯᠤᠰ ᠤᠨ ᠬᠦᠷᠦᠩᠭᠡ ᠠᠯᠳᠠᠭᠳᠠᠭᠰᠠᠨ ᠭᠡᠷᠡᠭ ᠣᠴᠢᠷ ᠢ ᠪᠠᠶᠢᠴᠠᠭᠠᠨ ᠰᠢᠢᠳᠪᠦᠷᠢᠯᠡᠨ᠎ᠡ᠃ ᠬᠤᠰᠢᠭᠤ ᠰᠢᠶᠠᠨ ᠬᠤᠳᠠ ᠲᠤᠭᠤᠷᠢᠭ ᠤᠨ ᠤᠯᠤᠰ ‍ᠤᠨ‌ᠦᠮᠴᠢᠯᠡᠯᠲᠦ ᠬᠦᠷᠦᠩᠭᠡ ᠶᠢᠨ ᠬᠢᠨᠠᠨ ᠬᠠᠮᠢᠶᠠᠷᠬᠤ ᠠᠵᠢᠯ ᠢ ᠵᠢᠭᠠᠨ ᠵᠢᠯᠤᠭᠤᠳᠤᠨ᠎ᠠ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠤᠯᠤᠰ ᠤᠨ ᠦᠮᠴᠢᠯᠡᠯᠲᠦ ᠬᠦᠷᠦᠩᠭᠡ ᠶᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号