ᠰᠢᠯᠢ ᠶᠢᠨ ᠭᠤᠤᠯ ᠠᠶᠢᠮᠠᠭ ᠤᠨ ᠦᠨᠳᠦᠰᠦᠳᠠᠨ ᠤ ᠲᠡᠭᠡᠳᠦ ᠵᠡᠷᠭᠡ ᠵᠢᠨ‌ᠮᠡᠷᠭᠡᠵᠢᠯ ᠤᠨ ᠠᠵᠢᠯᠴᠢᠨ ᠤ ᠰᠤᠷᠭᠠᠭᠤᠯᠢ
ᠨᠡᠶᠢᠲᠡᠯᠡᠭᠰᠡᠨ ᠴᠠᠭ᠄
2016/9/26
     ᠰᠢᠯᠢ ᠶᠢᠨ ᠭᠤᠤᠯ ᠠᠶᠢᠮᠠᠭ ᠤᠨ ᠦᠨᠳᠦᠰᠦᠳᠡᠨ ᠤ ᠲᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠨᠢ 1980 ᠤᠨ ᠳᠤ ᠪᠠᠶᠢᠭᠤᠯᠤᠭᠳᠠᠵᠦ᠂ 1997 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠮᠤᠵᠢ ᠶᠠᠮᠤᠨ ᠤ ᠲᠡᠰ ᠤᠨ ᠭᠤᠤᠯᠳᠠᠯᠠᠭ᠎ᠠ ᠲᠠᠢ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠷ  ᠨᠡᠷᠡᠯᠡᠭᠡᠳ᠂ 2011 ᠤᠨ ᠳᠤ ᠤᠯᠤᠰ ᠤᠨ ᠭᠤᠤᠯᠳᠠᠯᠠᠭ᠎ᠠ ᠲᠠᠢ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠡᠩᠨᠡᠭᠡᠨ ᠳᠤ ᠠᠯᠬᠤᠨ ᠤᠷᠤᠵᠦ᠂ 2014 ᠤᠨ ᠳᠤ ᠲᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠤᠯᠤᠨ ᠲᠡᠪᠰᠢᠭᠰᠡᠨ  ᠮᠤᠩᠭᠤᠯ ᠬᠢᠳᠠᠳ ᠬᠤᠶᠠᠷ ᠬᠡᠯᠡ ᠪᠠᠷ ᠵᠢᠭᠠᠨ ᠰᠤᠷᠭᠠᠳᠠᠭ ᠠᠶᠢᠮᠠᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠭ᠎ᠠ ᠶᠢᠨ ᠲᠤᠪᠴᠢᠶᠠᠨ ᠤ ᠬᠠᠷᠢᠶᠠᠨ ᠳᠠᠬᠢ ᠰᠤᠷᠭᠠᠭᠤᠯᠢ ᠮᠥᠨ᠃ ᠰᠤᠷᠭᠠᠭᠤᠯᠢ ᠶᠢᠨ ᠬᠦᠷᠢᠶ᠎ᠡ ᠨᠢ 5.66 ᠲᠦᠮᠡᠨ ᠲᠡᠭᠰᠢ ᠲᠦᠷᠪᠡᠯᠵᠢᠨ ᠮᠧᠲᠷ  ᠲᠠᠯᠠᠪᠠᠢ ᠲᠠᠢ᠂ ᠪᠠᠷᠢᠯᠭ᠎ᠠ ᠶᠢᠨ ᠶᠡᠷᠦᠩᠭᠡᠢ ᠲᠠᠯᠠᠪᠠᠢ ᠨᠢ 3.2 ᠲᠦᠮᠡᠨ ᠲᠡᠭᠰᠢ ᠲᠦᠷᠪᠡᠯᠵᠢᠨ ᠮᠧᠲᠷ᠂ ᠪᠠᠭᠰᠢ ᠠᠵᠢᠯᠳᠠᠨ ᠤ ᠨᠡᠶᠢᠳᠠ ᠲᠤᠭ᠎ᠠ 74᠂ ᠡᠬᠦᠨ ᠳᠤ ᠲᠤᠰᠬᠠᠢ ᠲᠤᠰᠢᠶᠠᠯᠳᠦ ᠪᠠᠭᠰᠢ 54 ᠨᠡᠷ᠎ᠡ᠂ ᠲᠤᠰᠢᠶᠠᠯ ᠬᠠᠪᠰᠤᠷᠭᠠᠭᠰᠠᠨ ᠪᠠᠭᠰᠢ 24 ᠨᠡᠷ᠎ᠡ᠂ ᠲᠡᠭᠡᠳᠦ ᠵᠡᠷᠭᠡ ᠶᠢᠨ ᠮᠡᠷᠭᠡᠵᠢᠯ ᠤᠨ ᠴᠤᠯᠠ ᠲᠠᠢ ᠪᠠᠭᠰᠢ 30 ᠨᠡᠷ᠎ᠡ᠂ ᠰᠤᠷᠤᠯᠭ᠎ᠠ ᠶᠢᠨ ᠨᠠᠮᠳᠠᠷ ᠲᠤ ᠪᠦᠷᠢᠳᠭᠦᠯᠦᠭᠰᠡᠨ ᠰᠤᠷᠤᠭᠴᠢ 1525 ᠨᠡᠷ᠎ᠡ᠂ ᠡᠬᠦᠨ ᠳᠤ ᠪᠦᠬᠦᠯᠢ ᠡᠳᠦᠷ  ᠤᠨ ᠲᠦᠷᠢᠮᠳᠦ ᠰᠤᠷᠤᠭᠴᠢ 139 ᠨᠡᠷ᠎ᠡ᠂ ᠪᠦᠬᠦᠯᠢ ᠡᠳᠦᠷ ᠤᠨ ᠪᠤᠰᠤ ᠲᠦᠷᠢᠮᠳᠦ  ᠰᠤᠷᠤᠭᠴᠢ 1386 ᠨᠡᠷ᠎ᠡ᠂ ᠵᠢᠯ ᠪᠦᠷᠢ ᠲᠡᠭᠰᠢᠳᠭᠡᠭᠡᠳ 7000 ᠬᠦᠮᠦᠨ ᠪᠤᠯᠪᠠᠰᠤᠷᠠᠭᠤᠯᠵᠦ᠂ 4000 ᠬᠦᠮᠦᠨ ᠳᠤ ᠮᠡᠷᠭᠡᠵᠢᠯ ᠤᠨ ᠬᠢᠨᠠᠨ ᠲᠤᠭᠳᠠᠭᠠᠯ ᠬᠢᠵᠦ ᠪᠠᠶᠢᠨ᠎ᠠ᠃ ᠭᠤᠤᠯᠳᠠᠭᠤ ᠲᠤᠭᠤᠭᠠᠴᠢ᠂ ᠭᠠᠩᠨᠠᠨ ᠵᠠᠯᠭᠠᠬᠤ ᠮᠡᠷᠭᠡᠵᠢᠯ᠂  ᠴᠠᠬᠢᠯᠭᠠᠨᠵᠢᠭᠤᠯᠤᠭᠰᠠᠨ ᠠᠦ᠋ᠲ᠋ᠤ᠋ ᠲᠤᠨᠤᠭ ᠢ ᠤᠭᠰᠠᠷᠠᠬᠤ ᠪᠠ ᠰᠡᠯᠪᠢᠨ ᠵᠠᠰᠠᠬᠤ᠂ ᠺᠤᠮᠫᠢᠦ᠋ᠲ᠋ᠧᠷ ᠤᠨ ᠬᠡᠷᠡᠭᠯᠡᠭᠡ ᠪᠠ ᠰᠡᠯᠪᠢᠨ ᠵᠠᠰᠠᠬᠤ᠂ ᠮᠠᠰᠢᠨ ᠲᠡᠷᠭᠡ ᠵᠢᠯᠤᠭᠤᠳᠬᠤ ᠪᠠ ᠰᠡᠯᠪᠢᠨ ᠵᠠᠰᠠᠬᠤ᠂ ᠪᠠᠷᠢᠯᠭ᠎ᠠ ᠶᠢᠨ ᠮᠧᠬᠠᠨᠢᠭ ᠢ ᠵᠢᠯᠤᠭᠤᠳᠬᠤ ᠪᠠ ᠰᠡᠯᠪᠢᠨ ᠵᠠᠰᠠᠬᠤ᠂ ᠬᠤᠭᠤᠯᠠᠢ ᠶᠢᠨ ᠠᠵᠢᠯᠴᠢᠨ ᠵᠡᠷᠭᠡ 14 ᠲᠤᠰᠬᠠᠢ ᠮᠡᠷᠭᠡᠵᠢᠯ ᠲᠠᠢ ᠪᠠᠶᠢᠵᠦ ᠡᠬᠦᠨ ᠤ ᠲᠤᠳᠤᠷ᠎ᠠ ᠲᠤᠭᠤᠭᠠᠴᠢ ᠶᠢᠨ ᠮᠡᠷᠭᠡᠵᠢᠯ   ᠢ ᠦᠪᠡᠷᠳᠡᠭᠡᠨ ᠵᠠᠰᠠᠬᠤ ᠤᠷᠤᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠭ᠎ᠠ ᠶᠢᠨ  ᠲᠢᠩᠭᠢᠮ ᠠᠴᠠ ᠰᠤᠳᠤᠨ ᠮᠡᠷᠭᠡᠵᠢᠯ ᠢᠶᠠᠷ ᠦᠨᠡᠯᠡᠵᠡᠢ᠃ ᠰᠤᠷᠭᠠᠭᠤᠯᠢ ᠨᠢ ᠵᠢᠭᠠᠨ ᠰᠤᠷᠭᠠᠬᠤ ᠠᠰᠠᠷ ᠂ ᠲᠠᠳᠤᠯᠭ᠎ᠠ ᠶᠢᠨ ᠠᠰᠠᠷ᠂ ᠶᠡᠷᠦᠩᠭᠡᠶᠢᠯᠡᠭᠰᠡᠨ ᠠᠰᠠᠷ᠂ ᠰᠤᠷᠤᠭᠴᠢ ᠶᠢᠨ ᠪᠠᠶᠢᠷᠢ᠂ ᠲᠠᠳᠤᠯᠭ᠎ᠠ ᠶᠢᠨ ᠵᠢᠭᠠᠨ ᠰᠤᠷᠭᠠᠬᠤ ᠬᠤᠭᠤᠯᠠᠨ ᠲᠢᠩᠭᠢᠮ ᠲᠠᠢ  ᠂ ᠡᠯᠧᠺᠲᠷᠤᠨ ᠴᠠᠬᠢᠯᠭᠠᠨ ᠤ ᠤᠬᠠᠭᠠᠨ᠂ ᠭᠠᠩᠨᠠᠨ ᠵᠠᠯᠭᠠᠬᠤ᠂ ᠵᠠᠮ ᠲᠡᠭᠡᠭᠡᠪᠦᠷᠢ᠂ ᠮᠧᠬᠠᠨᠢᠭ ᠡᠳ᠋ᠰᠢᠬᠦᠯᠭᠡ᠂ ᠬᠢᠮᠢ ᠶᠢᠨ ᠠᠵᠦ ᠦᠢᠯᠡᠳᠪᠦᠷᠢ᠂ ᠠᠭᠤᠷᠬᠠᠢ ᠶᠢᠨ ᠮᠧᠬᠠᠨᠢᠭ᠂ ᠦᠢᠯᠡᠴᠢᠯᠡᠭᠡᠨ ᠤ ᠦᠢᠯᠡᠰ ᠵᠡᠷᠭᠡ ᠤᠯᠠᠨ ᠲᠦᠷᠦᠯ ᠤᠨ ᠲᠠᠳᠤᠯᠭ᠎ᠠ ᠪᠤᠯᠪᠠᠰᠤᠷᠠᠯ ᠤᠨ ᠲᠠᠯᠠᠪᠠᠢ ᠳᠠᠭᠠᠨ ᠨᠡᠶᠢᠳᠡ 25 ᠲᠠᠳᠤᠯᠭ᠎ᠠ ᠪᠤᠯᠪᠠᠰᠤᠷᠠᠯ ᠤᠨ ᠲᠠᠰᠤᠭ ᠲᠠᠢ᠂ ᠡᠭᠦᠨ ᠤ ᠲᠤᠳᠤᠷ᠎ᠠ ᠦᠢᠯᠡᠳᠪᠦᠷᠢᠯᠡᠯ ᠰᠤᠷᠭᠠᠯᠳᠠ ᠶᠢ ᠨᠢᠭᠡ ᠴᠤᠭᠴᠠᠯᠠᠭᠰᠠᠨ ᠲᠠᠳᠤᠯᠭ᠎ᠠ ᠪᠤᠯᠪᠠᠰᠤᠷᠠᠯ ᠤᠨ ᠲᠠᠰᠤᠭ 10᠂ ᠦᠷᠬᠦᠭᠡᠨ ᠤ ᠲᠠᠳᠤᠯᠭ᠎ᠠ ᠪᠤᠯᠪᠠᠰᠤᠷᠠᠯ ᠤᠨ ᠲᠠᠯᠠᠪᠠᠢ  ᠨᠢ 8000 ᠲᠡᠭᠰᠢ ᠲᠦᠷᠪᠡᠯᠵᠢᠨ ᠮᠧᠲᠷ᠂ ᠭᠠᠳᠠᠨᠠᠭᠢ ᠲᠠᠳᠤᠯᠭ᠎ᠠ ᠪᠤᠯᠪᠠᠰᠤᠷᠠᠯ ᠤᠨ ᠲᠠᠯᠠᠪᠠᠢ ᠨᠢ 20000 ᠲᠡᠭᠰᠢ ᠲᠦᠷᠪᠡᠯᠵᠢᠨ ᠮᠧᠲᠷ ᠪᠠᠶᠢᠳᠠᠭ᠂ ᠡᠬᠦᠨ ᠠᠴᠠ ᠭᠠᠳᠠᠨ᠎ᠠ᠂ ᠰᠤᠷᠭᠠᠭᠤᠯᠢ ᠠᠴᠠ ᠭᠠᠳᠠᠨ᠎ᠠ 10 ᠲᠠᠳᠤᠯᠭ᠎ᠠ ᠪᠤᠯᠪᠠᠰᠤᠷᠠᠯ ᠤᠨ ᠰᠠᠭᠤᠷᠢᠨ ᠭᠠᠵᠠᠷ ᠲᠠᠢ᠃ ᠲᠤᠭᠳᠠᠮᠠᠯ ᠬᠦᠷᠦᠩᠭᠡ ᠨᠢ 8700 ᠢᠯᠡᠬᠦᠦ ᠲᠦᠮᠡᠨ ᠲᠦᠬᠦᠷᠡᠭ᠂ ᠵᠢᠭᠠᠨ ᠰᠤᠷᠭᠠᠯᠳᠠ ᠪᠠ ᠲᠠᠳᠤᠯᠭ᠎ᠠ ᠶᠢᠨ ᠲᠤᠨᠤᠭ ᠲᠦᠬᠦᠭᠡᠷᠦᠮᠵᠢ ᠶᠢᠨ ᠶᠡᠷᠦᠩᠭᠡᠢ ᠦᠷᠳᠡᠭ ᠨᠢ 2000 ᠲᠦᠮᠡᠨ ᠲᠦᠭᠦᠷᠡᠭ ᠲᠤ ᠬᠦᠷᠴᠡᠢ᠃      ᠭᠤᠴᠢᠨ ᠵᠢᠷᠭᠤᠭᠠᠨ ᠵᠢᠯ ᠤᠨ ᠬᠦᠭᠵᠢᠯᠳᠡ ᠪᠦᠳᠦᠭᠡᠨ ᠪᠠᠶᠢᠭᠤᠯᠤᠯᠳᠠ ᠪᠠᠷ ᠲᠠᠮᠵᠢᠵᠦ᠂ ᠰᠤᠷᠭᠠᠭᠤᠯᠢ ᠨᠢ ᠤᠷᠢᠳ ᠬᠤᠵᠢᠳ ᠤᠯᠤᠰ ᠤᠨ ᠲᠡᠰ ᠤᠨ ᠲᠡᠭᠡᠳᠦ  ᠮᠡᠷᠭᠡᠵᠢᠯ ᠲᠠᠢ ᠴᠢᠳᠠᠪᠦᠷᠢᠳᠠᠨ ᠢ ᠬᠦᠮᠦᠵᠢᠬᠦᠯᠬᠦ ᠰᠠᠭᠤᠷᠢᠨ ᠭᠠᠵᠠᠷ᠂ ᠦᠪᠡᠷᠳᠡᠭᠡᠨ ᠵᠠᠰᠠᠬᠤ ᠤᠷᠤᠨ ᠤ   ᠲᠡᠭᠡᠳᠦ ᠮᠡᠷᠭᠡᠵᠢᠯ ᠲᠠᠢ ᠴᠢᠳᠠᠪᠦᠷᠢᠳᠠᠨ ᠤ ᠰᠢᠨ᠎ᠡ ᠶᠢ ᠡᠭᠦᠳᠦᠨ ᠦᠢᠯᠡᠰ ᠪᠤᠰᠬᠠᠬᠤ ᠰᠠᠭᠤᠷᠢᠨ ᠭᠠᠵᠠᠷ ᠢᠶᠠᠷ ᠦᠨᠡᠯᠡᠭᠳᠡᠵᠡᠢ᠃ ᠤᠯᠤᠰ ᠤᠨ ᠲᠤᠬᠠᠶᠢᠯᠠᠭᠰᠠᠨ ᠠᠵᠢᠯ ᠮᠡᠷᠭᠡᠵᠢᠯ ᠢ ᠬᠢᠨᠠᠨ ᠲᠤᠭᠳᠠᠭᠠᠬᠤ ᠦᠷᠳᠡᠭᠡ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠲᠠᠪᠳᠠᠨ ᠪᠤᠯᠪᠠᠰᠤᠷᠠᠭᠤᠯᠬᠤ ᠲᠤᠭᠳᠠᠭᠰᠠᠨ ᠴᠡᠭ ᠪᠤᠯᠤᠨ ᠦᠨᠡᠯᠡᠬᠦ ᠪᠠᠶᠢᠭᠤᠯᠤᠮᠵᠢ᠂ ᠠᠶᠢᠮᠠᠭ ᠬᠤᠳᠠ ᠶᠢᠨ ᠲᠡᠰ ᠤᠨ ᠪᠠᠷᠢᠮᠵᠢᠶᠠᠵᠢᠭᠰᠠᠨ ᠲᠠᠬᠢᠨ ᠠᠵᠢᠯ ᠤᠯᠭᠤᠯᠳᠠ ᠶᠢᠨ ᠪᠤᠯᠪᠠᠰᠤᠷᠠᠯ ᠬᠦᠮᠦᠵᠢᠯ ᠤᠨ ᠰᠠᠭᠤᠷᠢᠨ ᠭᠠᠵᠠᠷ᠂ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦ ᠶᠢ ᠰᠢᠯᠵᠢᠬᠦᠯᠬᠦ ᠪᠤᠯᠪᠠᠰᠤᠷᠠᠯ ᠬᠦᠮᠦᠵᠢᠯ ᠤᠨ ᠰᠠᠭᠤᠷᠢᠨ ᠭᠠᠵᠠᠷ ᠪᠠ ᠵᠡᠮᠳᠡᠭᠴᠦᠳ ᠤᠨ ᠪᠤᠯᠪᠠᠰᠤᠷᠠᠯ  ᠬᠦᠮᠦᠵᠢᠯ ᠤᠨ ᠰᠠᠭᠤᠷᠢᠨ ᠭᠠᠵᠠᠷ᠂ ᠤᠮᠠᠷᠠᠳᠦ ᠤᠷᠤᠨ ᠤ ᠴᠠᠬᠢᠯᠭᠠᠨ ᠢ  ᠰᠦᠯᠵᠢᠶ᠎ᠡ ᠳᠤ  ᠤᠷᠤᠭᠤᠯᠤᠭᠴᠢ ᠶᠢᠨ ᠰᠢᠯᠭᠠᠯᠳᠠ ᠶᠢᠨ ᠲᠠᠯᠠᠪᠠᠢ ᠪᠠᠷ ᠲᠤᠭᠳᠠᠭᠠᠭᠳᠠᠵᠦ᠂ ᠬᠤᠶᠠᠳᠤᠭᠠᠷ ᠲᠦᠷᠦᠯ  ᠤᠨ ᠵᠢᠯᠤᠭᠤᠴᠢ ᠶᠢᠨ ᠰᠤᠷᠭᠠᠭᠤᠯᠢ ᠶᠢᠨ ᠪᠦᠬᠦ ᠬᠢᠴᠢᠶᠡᠯ ᠢ ᠰᠢᠯᠭᠠᠬᠤ ᠬᠢᠷᠢ ᠬᠡᠮ ᠲᠠᠢ᠃ ᠰᠤᠷᠭᠠᠭᠤᠯᠢ ᠨᠢ ᠰᠤᠷᠭᠠᠭᠤᠯᠢ ᠶᠢᠨ ᠲᠦᠷᠢᠮᠳᠦ ᠵᠢᠭᠠᠨ ᠰᠤᠷᠭᠠᠯᠳᠠ ᠠᠴᠠ ᠭᠠᠳᠠᠨ᠎ᠠ ᠪᠠᠰᠠ ᠰᠢᠯᠢ ᠶᠢᠨ ᠭᠤᠤᠯ ᠠᠶᠢᠮᠠᠭ ᠤᠨ ᠲᠤᠬᠠᠶᠢᠯᠠᠭᠰᠠᠨ ᠠᠵᠢᠯ ᠮᠡᠷᠭᠡᠵᠢᠯ ᠤᠨ ᠬᠦᠮᠦᠵᠢᠯ ᠪᠤᠯᠪᠠᠰᠤᠷᠠᠯ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦ ᠶᠢ ᠰᠢᠯᠵᠢᠬᠦᠯᠦᠨ ᠠᠵᠢᠯ ᠤᠯᠭᠤᠬᠤ ᠬᠦᠮᠦᠵᠢᠯ ᠪᠤᠯᠪᠠᠰᠤᠷᠠᠯ᠂ ᠬᠤᠳᠠ ᠪᠠᠯᠭᠠᠰᠤᠨ ᠤ ᠠᠵᠢᠯ ᠠᠯᠳᠠᠭᠰᠠᠳ  ᠤᠨ ᠲᠠᠬᠢᠨ ᠠᠵᠢᠯ ᠤᠯᠬᠤ ᠮᠡᠷᠭᠡᠵᠢᠯ ᠤᠨ ᠪᠤᠯᠪᠠᠰᠤᠷᠠᠯ᠂ ᠤᠨᠴᠠᠭᠠᠢ ᠲᠦᠷᠦᠯ ᠤᠨ ᠠᠵᠢᠯ ᠤᠨ ᠪᠤᠯᠪᠠᠰᠤᠷᠠᠯ᠂ ᠠᠶᠤᠯ ᠦᠭᠡᠢ ᠦᠢᠯᠡᠳᠪᠦᠷᠢᠯᠡᠯ ᠤᠨ ᠬᠦᠮᠦᠵᠢᠯ ᠪᠤᠯᠪᠠᠰᠤᠷᠠᠯ ᠵᠡᠷᠭᠡ ᠴᠢᠬᠤᠯᠠ ᠬᠠᠷᠢᠭᠤᠴᠢᠯᠭ᠎ᠠ ᠶᠢ ᠡᠭᠦᠷᠭᠡᠯᠡᠵᠦ  ᠪᠠᠶᠢᠬᠤ ᠪᠠᠷ ᠪᠠᠷᠠᠬᠤ ᠦᠭᠡᠢ ᠬᠦᠳᠡᠯᠮᠦᠷᠢ ᠶᠢᠨ ᠪᠡᠯᠡᠳᠭᠡᠯ ᠬᠦᠴᠦ᠂ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠬᠢᠷᠢ ᠬᠡᠮ ᠢ ᠬᠢᠨᠠᠨ ᠲᠤᠭᠳᠠᠭᠠᠬᠤ ᠵᠡᠷᠭᠡ ᠡᠭᠦᠷᠭᠡ ᠶᠢ ᠡᠭᠦᠷᠭᠡᠯᠡᠵᠦ᠂ ᠰᠢᠯᠢ ᠶᠢᠨ ᠭᠤᠤᠯ ᠠᠶᠢᠮᠠᠭ ᠤᠨ ᠲᠡᠭᠡᠳᠦ ᠪᠤᠯᠪᠠᠰᠤᠷᠠᠯ ᠲᠠᠢ ᠬᠦᠳᠡᠯᠮᠦᠷᠢᠴᠢᠨ ᠪᠠ ᠲᠡᠭᠡᠳᠦ ᠮᠡᠷᠭᠡᠵᠢᠯ ᠲᠠᠢ ᠴᠢᠳᠠᠪᠦᠷᠢᠳᠠᠨ ᠢ ᠬᠦᠮᠦᠵᠢᠬᠦᠯᠬᠦ ᠰᠠᠭᠤᠷᠢᠨ ᠭᠠᠵᠠᠷ ᠪᠤᠯᠵᠠᠢ᠃ 2015 ᠤᠨ ᠳᠤ ᠰᠤᠷᠭᠠᠭᠤᠯᠢ ᠨᠢ ᠡᠬᠢ ᠰᠤᠷᠪᠤᠯᠵᠢ ᠶᠢ ᠬᠠᠮᠳᠤᠪᠠᠷ ᠠᠰᠢᠭᠯᠠᠬᠤ᠂ ᠬᠠᠷᠢᠯᠴᠠᠨ ᠠᠰᠢᠭᠳᠠᠢ ᠬᠠᠷᠢᠯᠴᠠᠨ ᠬᠠᠷᠭᠠᠯᠵᠠᠵᠦ ᠬᠠᠮᠳᠤᠪᠠᠷ ᠬᠦᠭᠵᠢᠬᠦ ᠵᠠᠷᠴᠢᠮ ᠢᠶᠠᠷ ᠪᠤᠯᠪᠠᠰᠤᠷᠠᠯ ᠤᠨ ᠠᠵᠢᠯ ᠢ ᠬᠤᠰᠢᠭᠤ ᠰᠢᠶᠠᠨ ᠵᠦᠭ ᠰᠤᠩᠭᠠᠬᠤ ᠶᠢ ᠠᠬᠢᠭᠤᠯᠵᠦ ᠪᠦᠬᠦ ᠠᠶᠢᠮᠠᠭ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠪᠤᠯᠪᠠᠰᠤᠷᠠᠯ ᠤᠨ ᠲᠤᠤᠷ ᠰᠦᠯᠵᠢᠶ᠎ᠡ ᠶᠢ ᠢᠳᠡᠪᠭᠢᠳᠡᠢ ᠪᠦᠷᠬᠦᠬᠦᠯᠦᠨ᠂ ᠰᠢᠯᠤᠭᠤᠨ  ᠬᠦᠪᠡᠭᠡᠳᠦ ᠴᠠᠭᠠᠨ ᠬᠤᠰᠢᠭᠤ᠂ ᠠᠪᠠᠭ᠎ᠠ ᠬᠤᠰᠢᠭᠤ᠂ ᠵᠡᠬᠦᠨ ᠦᠵᠦᠮᠦᠴᠢᠨ ᠬᠤᠰᠢᠭᠤ᠂ ᠡᠷᠢᠶᠡᠨ ᠬᠤᠳᠠ᠂ ᠰᠢᠯᠢ ᠶᠢᠨ ᠬᠤᠳᠠ᠂ ᠤᠯᠠᠭᠠᠢ᠂ ᠪᠠᠷᠠᠭᠤᠨ ᠦᠵᠦᠮᠦᠴᠢᠨ ᠬᠤᠰᠢᠭᠤ᠂ ᠲᠤᠯᠤᠨᠨᠠᠭᠤᠷ ᠰᠢᠶᠠᠨ ᠵᠡᠷᠭᠡ ᠭᠠᠵᠠᠷ ᠲᠤ 8 ᠬᠤᠪᠢᠶᠠᠷᠢ ᠰᠤᠷᠭᠠᠭᠤᠯᠢ ᠪᠠᠶᠢᠭᠤᠯᠵᠠᠢ᠃ 2017 ᠤᠨ ᠳᠤ ᠨᠦᠬᠦᠴᠡᠯ ᠪᠦᠷᠢᠯᠳᠦᠭᠰᠡᠨ ᠬᠤᠰᠢᠭᠤ ᠰᠢᠶᠠᠨ ᠳᠤ ᠬᠤᠪᠢᠶᠠᠷᠢ ᠰᠤᠷᠭᠠᠭᠤᠯᠢ ᠶᠢ ᠦᠷᠬᠦᠯᠵᠢᠯᠡᠨ ᠪᠠᠶᠢᠭᠤᠯᠵᠦ᠂ 2020 ᠤᠨ ᠪᠤᠯᠬᠤ ᠳᠤ ᠰᠢᠯᠢ ᠶᠢᠨ ᠭᠤᠤᠯ ᠠᠶᠢᠮᠠᠭ ᠤᠨ ᠲᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢᠨ ᠰᠠᠭᠤᠷᠢᠨ ᠲᠡᠭᠡᠷ᠎ᠡ ᠮᠠᠰᠲ᠋ᠧᠷ ᠤᠨ ᠲᠡᠭᠡᠳᠦ ᠰᠤᠷᠭᠠᠭᠤᠯᠢ ᠶᠢ ᠪᠠᠶᠢᠭᠤᠯᠵᠦ᠂ ᠰᠤᠷᠭᠠᠭᠤᠯᠢ ᠳᠤ ᠪᠦᠷᠢᠳᠭᠦᠯᠦᠭᠰᠡᠨ ᠰᠤᠷᠤᠭᠴᠢ ᠶᠢᠨ ᠲᠤᠭ᠎ᠠ ᠶᠢ 4000 ᠳᠤ ᠲᠤᠭᠳᠠᠪᠤᠷᠢᠵᠢᠬᠦᠯᠦᠨ᠂ ᠡᠯ᠎ᠡ ᠲᠦᠷᠦᠯ ᠤᠨ  ᠪᠤᠯᠪᠠᠰᠤᠷᠠᠯ ᠤᠨ ᠬᠦᠮᠦᠨ ᠤ ᠲᠤᠭ᠎ᠠ ᠶᠢ 2 ᠲᠦᠮᠡᠨ ᠬᠦᠮᠦᠨ ᠤᠳᠠᠭ᠎ᠠ ᠳᠤ ᠬᠦᠷᠭᠡᠵᠦ᠂ ᠲᠡᠭᠦᠰᠭᠦ ᠰᠤᠷᠤᠭᠴᠢ ᠶᠢᠨ ᠨᠤᠷᠮ᠎ᠠ ᠶᠢ 96%   ᠪᠠᠷ ᠪᠠᠳᠤᠯᠠᠨ᠂ ᠲᠤᠰᠬᠠᠢ ᠮᠡᠷᠭᠡᠵᠢᠯ  ᠤᠨ ᠭᠤᠤᠯᠳᠠᠯᠠᠭ᠎ᠠ ᠶᠢ ᠲᠤᠪᠤᠶᠢᠯᠭᠠᠨ᠂ ᠲᠠᠪᠳᠠᠨ ᠪᠤᠯᠪᠠᠰᠤᠷᠠᠭᠤᠯᠬᠤ ᠳᠤ ᠠᠯᠬᠤᠮ ᠲᠠᠷᠠᠭ᠎ᠠ ᠲᠠᠢ᠂ ᠰᠤᠷᠭᠠᠭᠤᠯᠢ ᠡᠷᠭᠢᠯᠡᠬᠦ ᠳᠡᠭᠡᠨ ᠦᠪᠡᠷ ᠤᠨ ᠤᠨᠴᠠᠯᠢᠭ ᠲᠠᠢ ᠤᠳᠤᠬᠢᠴᠢᠯᠠᠭᠰᠠᠨ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠢ ᠪᠦᠷᠢᠯᠳᠦᠬᠦᠯᠦᠨ᠎ᠡ᠃  
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠦᠨᠳᠦᠰᠦᠳᠠᠨ ᠤ ᠲᠡᠭᠡᠳᠦ ᠵᠡᠷᠭᠡ ᠵᠢᠨ‌ᠮᠡᠷᠭᠡᠵᠢᠯ ᠤᠨ ᠠᠵᠢᠯᠴᠢᠨ ᠤ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号