ᠰᠢᠯᠢ ᠶᠢᠨ ᠭᠤᠤᠯ ᠠᠶᠢᠮᠠᠭ ᠤᠨ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠭᠤᠤᠯ
ᠨᠡᠶᠢᠲᠡᠯᠡᠭᠰᠡᠨ ᠴᠠᠭ᠄
2016/9/26
     ᠤᠯᠤᠰ᠂ ᠦᠪᠡᠷᠳᠡᠭᠡᠨ ᠵᠠᠰᠠᠬᠤ ᠤᠷᠤᠨ ᠤ ᠲᠤᠳᠤᠭᠠᠳᠦ ᠶᠢ ᠬᠠᠮᠠᠭᠠᠯᠠᠬᠤ ᠠᠵᠢᠯ ᠤᠨ ᠴᠢᠭᠯᠡᠯᠳᠡ᠂ ᠲᠦᠷᠦ  ᠶᠢᠨ ᠪᠤᠳᠤᠯᠭ᠎ᠠ ᠶᠢ ᠲᠤᠤᠱᠢᠶᠠᠭᠤᠯᠤᠨ ᠬᠡᠷᠡᠭᠵᠢᠬᠦᠯᠵᠦ᠂ ᠲᠤᠳᠤᠭᠠᠳᠦ ᠶᠢ ᠬᠠᠮᠠᠭᠠᠯᠠᠬᠤ ᠠᠵᠢᠯ ᠤᠨ ᠭᠤᠤᠯᠳᠠᠯᠭ᠎ᠠ  ᠲᠠᠢ ᠤᠶᠠᠯᠳᠤᠭᠤᠯᠵᠦ᠂ ᠠᠵᠢᠯ ᠤᠨ ᠭᠤᠤᠯᠳᠠᠯᠭ᠎ᠠ ᠪᠤᠯᠤᠨ ᠵᠢᠯ ᠤᠨ ᠲᠦᠯᠦᠪᠯᠡᠭᠡ ᠪᠠᠨ ᠲᠤᠭᠳᠠᠭᠠᠨ᠎ᠠ᠃ ᠪᠦᠬᠦ ᠠᠶᠢᠮᠠᠭ ᠤᠨ ᠲᠤᠭᠳᠠᠭᠤᠨ ᠢ ᠨᠦᠯᠦᠭᠡᠯᠡᠵᠦ᠂ ᠤᠯᠤᠰ ᠤᠨ ᠲᠤᠳᠤᠷᠠᠬᠢ ᠠᠮᠤᠷ ᠲᠦᠪᠰᠢᠨ ᠪᠤᠯᠤᠨ ᠪᠦᠬᠦ ᠠᠶᠢᠮᠠᠭ  ᠤᠨ ᠨᠡᠶᠢᠭᠡᠮ ᠤᠨ ᠠᠮᠤᠷ  ᠢ ᠬᠠᠮᠠᠭᠠᠯᠠᠬᠤ ᠪᠠᠶᠢᠳᠠᠯ ᠢ ᠡᠵᠡᠮᠰᠢᠨ᠂ ᠪᠠᠶᠢᠳᠠᠯ ᠢ ᠵᠠᠳᠠᠯᠤᠨ ᠰᠢᠨᠵᠢᠯᠡᠵᠦ᠂ ᠬᠠᠷᠢᠭᠤ ᠠᠷᠭ᠎ᠠ ᠬᠡᠮᠵᠢᠶ᠎ᠡ ᠶᠢ ᠲᠤᠭᠳᠠᠭᠠᠨ᠎ᠠ᠃ ᠬᠡᠷᠡᠭ ᠲᠠᠩᠨᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠦ᠂ ᠪᠦᠬᠦ ᠠᠶᠢᠮᠠᠭ ᠲᠤ ᠬᠦᠨᠳᠦ ᠶᠡᠭᠡ ᠨᠦᠯᠦᠭᠡ ᠲᠠᠢ ᠬᠡᠷᠡᠭ᠂ ᠠᠮᠤᠷ  ᠢ ᠬᠠᠮᠠᠭᠠᠯᠠᠬᠤ ᠬᠡᠨᠡᠳᠡᠯ ᠪᠠ ᠦᠢᠮᠡᠭᠡᠨ ᠲᠠᠪᠵᠢᠶᠡᠨ ᠢ ᠵᠤᠬᠢᠴᠠᠭᠤᠯᠤᠨ ᠰᠢᠢᠳᠪᠤᠷᠢᠯᠡᠨ᠎ᠡ᠃ ᠪᠦᠬᠦ ᠠᠶᠢᠮᠠᠭ ᠤᠨ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠠᠤᠯᠢ ᠶᠤᠰᠤᠭᠠᠷ ᠨᠡᠶᠢᠭᠡᠮ ᠤᠨ ᠠᠮᠤᠷ ᠲᠦᠪᠰᠢᠨ ᠡᠮᠬᠢ ᠲᠢᠭᠯᠢᠮ ᠢ ᠡᠪᠳᠡᠬᠦ ᠠᠵᠢᠯᠯᠠᠭ᠎ᠠ ᠶᠢ ᠪᠠᠶᠢᠴᠠᠭᠠᠨ ᠵᠢᠯᠤᠭᠤᠳᠤᠨ᠎ᠠ᠃ ᠠᠮᠤᠷ  ᠢ ᠬᠠᠮᠠᠭᠠᠯᠠᠬᠤ᠂ ᠡᠷᠦᠭᠡ ᠠᠮᠠ ᠶᠢᠨ ᠶᠠᠪᠤᠳᠠᠯ᠂ ᠬᠢᠯᠢ ᠪᠠᠷ ᠨᠡᠪᠳᠡᠷᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠳᠠ  ᠶᠢ ᠬᠠᠤᠯᠢ ᠶᠤᠰᠤᠭᠠᠷ ᠶᠠᠪᠤᠭᠳᠠᠭᠤᠯᠤᠨ᠎ᠠ᠃ ᠪᠦᠬᠦ ᠠᠶᠢᠮᠠᠭ ᠤᠨ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ ᠠᠴᠠ ᠨᠡᠶᠢᠳᠡ ᠶᠢᠨ ᠮᠡᠳᠡᠭᠡ ᠵᠠᠩᠬᠢ ᠶᠢᠨ ᠰᠦᠯᠵᠢᠶ᠎ᠡ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠠᠵᠢᠯ ᠢ ᠵᠢᠯᠤᠭᠤᠳᠤᠨ ᠪᠠᠶᠢᠴᠠᠭᠠᠨ᠎ᠠ᠃ ᠪᠦᠬᠦ ᠠᠶᠢᠮᠠᠭ ᠤᠨ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ ᠠᠴᠠ ᠨᠠᠮ ᠵᠠᠰᠠᠭ ᠤᠨ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ᠂ ᠠᠵᠦ ᠠᠬᠤᠶᠢᠯᠠᠯ ᠤᠨ ᠪᠠᠶᠢᠭᠤᠯᠤᠯᠭ᠎ᠠ ᠪᠠ ᠭᠤᠤᠯᠳᠠᠯᠭ᠎ᠠ ᠲᠠᠢ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ  ᠤᠨ ᠠᠮᠤᠷ ᠢ ᠬᠠᠮᠠᠭᠠᠯᠠᠬᠤ ᠠᠵᠢᠯ ᠵᠢᠴᠢ ᠤᠯᠠᠨ ᠲᠦᠮᠡᠨᠴᠢ ᠠᠮᠤᠷ ᠢ ᠬᠠᠮᠠᠭᠠᠯᠠᠬᠤ ᠵᠤᠬᠢᠶᠠᠨ ᠪᠠᠶᠢᠭᠤᠯᠤᠯᠳᠠ ᠶᠢᠨ ᠠᠮᠢᠷᠯᠢᠩᠭᠤᠢ ᠶᠢᠨ ᠰᠡᠷᠬᠡᠶᠢᠯᠡᠯᠳᠡ ᠶᠢᠨ ᠠᠵᠢᠯ ᠳᠤ ᠬᠢᠨᠠᠨ ᠵᠢᠯᠤᠭᠤᠳᠤᠨ᠎ᠠ︔ ᠪᠦᠬᠦ ᠠᠶᠢᠮᠠᠭ ᠤᠨ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨᠠᠨ ᠬᠠᠮᠢᠶᠠᠷᠬᠤ ᠲᠠᠯᠠᠪᠤᠷ ᠤᠨ ᠬᠠᠮᠢᠶᠠᠷᠤᠯᠳᠠ ᠪᠤᠯᠤᠨ ᠪᠠᠶᠢᠭᠤᠯᠤᠯᠳᠠ ᠶᠢᠨ ᠠᠵᠢᠯ ᠢ ᠬᠢᠨᠠᠨ ᠵᠢᠯᠤᠭᠤᠳᠤᠨ᠎ᠠ᠃      ᠪᠦᠬᠦ ᠠᠶᠢᠮᠠᠭ ᠤᠨ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠠᠤᠯᠢ ᠴᠠᠭᠠᠵᠠ ᠶᠢᠨ ᠪᠦᠳᠦᠭᠡᠨ ᠪᠠᠶᠢᠭᠤᠯᠤᠯᠭ᠎ᠠ ᠪᠠ ᠬᠠᠤᠯᠢ ᠲᠦᠷᠢᠮ ᠢ ᠬᠡᠷᠡᠭᠵᠢᠬᠦᠯᠬᠦ ᠠᠵᠢᠯ ᠢ ᠬᠢᠨᠠᠨ ᠵᠢᠯᠤᠭᠤᠳᠤᠨ᠎ᠠ  ᠃ ᠬᠢᠯᠢ ᠶᠢᠨ ᠬᠠᠮᠠᠭᠠᠯᠠᠯᠳᠠ ᠂ ᠭᠠᠯ ᠤᠨᠳᠠᠷᠭᠠᠬᠤ ᠠᠵᠢᠯ ᠢ ᠬᠢᠨᠠᠨ ᠵᠢᠯᠤᠭᠤᠳᠤᠨ᠎ᠠ᠃ ᠪᠦᠬᠦ ᠠᠶᠢᠮᠠᠭ ᠤᠨ ᠲᠤᠳᠤᠭᠠᠳᠦ ᠶᠢ ᠬᠠᠮᠠᠭᠠᠯᠠᠬᠤ ᠡᠩᠨᠡᠭᠡᠨ  ᠤ ᠪᠦᠳᠦᠭᠡᠨ ᠪᠠᠶᠢᠭᠤᠯᠬᠤ ᠠᠵᠢᠯ ᠢ ᠬᠠᠷᠢᠭᠤᠴᠠᠬᠤ᠂ ᠲᠤᠭᠳᠠᠭᠰᠠᠨ ᠡᠷᠭᠡ ᠮᠡᠳᠡᠯ ᠤᠨ ᠬᠡᠪᠴᠢᠶ᠎ᠡ ᠪᠠᠷ ᠺᠠᠳ᠋ᠷ ᠢ ᠬᠠᠮᠢᠶᠠᠷᠤᠨ᠎ᠠ︔ ᠪᠦᠬᠦ ᠠᠶᠢᠮᠠᠭ ᠤᠨ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠵᠢᠯᠳᠠᠨ ᠤ ᠪᠤᠯᠪᠠᠰᠤᠷᠠᠯ᠂ ᠲᠤᠳᠤᠭᠠᠳᠦ ᠶᠢ ᠬᠠᠮᠠᠭᠠᠯᠠᠬᠤ ᠬᠦᠮᠦᠵᠢᠯ ᠪᠠ ᠲᠤᠳᠤᠭᠠᠳᠦ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ  ᠢ ᠲᠤᠭᠳᠠᠭᠠᠨ᠂ ᠲᠤᠤᠱᠯᠠᠭᠤᠯᠤᠭᠰᠠᠨ ᠪᠠᠶᠢᠳᠠᠯ  ᠳᠤ ᠬᠢᠨᠠᠯᠳᠠ ᠲᠠᠯᠪᠢᠨ᠎ᠠ᠃ ᠲᠤᠳᠤᠭᠠᠳᠦ ᠶᠢ ᠬᠠᠮᠠᠭᠠᠯᠠᠬᠤ ᠡᠩᠨᠡᠭᠡᠨ ᠤ ᠬᠠᠤᠯᠢ ᠲᠦᠷᠢᠮ ᠢ ᠵᠦᠷᠢᠴᠡᠭᠰᠡᠨ ᠬᠡᠷᠡᠭ ᠢ ᠰᠢᠢᠳᠪᠤᠷᠢᠯᠡᠨ᠂ ᠬᠢᠨᠠᠨ  ᠱᠠᠭᠠᠷᠳᠠᠨ᠎ᠠ︔ ᠲᠤᠳᠤᠭᠠᠳᠦ ᠶᠢ ᠬᠠᠮᠠᠭᠠᠬᠤ ᠪᠠᠶᠢᠭᠤᠯᠤᠯᠭ᠎ᠠ ᠶᠢᠨ ᠬᠢᠨᠠᠨ ᠪᠠᠶᠢᠴᠠᠭᠠᠬᠤ ᠠᠵᠢᠯ ᠢ ᠵᠢᠯᠤᠭᠤᠳᠤᠨ ᠪᠠᠶᠢᠭᠤᠯᠤᠨ᠎ᠠ︔ ᠪᠦᠬᠦ ᠠᠶᠢᠮᠠᠭ ᠤᠨ ᠲᠤᠳᠤᠭᠠᠳᠦ  ᠶᠢ ᠬᠠᠮᠠᠭᠠᠯᠠᠬᠤ ᠲᠤᠨᠤᠭᠯᠠᠯ ᠤᠨ ᠲᠦᠯᠦᠪᠵᠢᠬᠦᠯᠭᠡ ᠪᠠ ᠬᠡᠷᠡᠭᠵᠢᠬᠦᠯᠦᠭᠰᠡᠨ ᠪᠠᠶᠢᠳᠠᠯ ᠢ ᠬᠠᠷᠢᠭᠤᠴᠠᠨ᠎ᠠ︔ ᠲᠤᠮᠤ ᠬᠡᠯᠪᠡᠷᠢ ᠶᠢᠨ ᠬᠤᠷᠠᠯᠳᠤᠭᠠᠨ ᠤ ᠬᠠᠮᠠᠭᠠᠯᠠᠯᠳᠠ ᠪᠠ ᠴᠢᠬᠤᠯᠠ ᠤᠳᠤᠷᠢᠳᠤᠯᠭ᠎ᠠ ᠤᠨ ᠬᠠᠮᠠᠭᠠᠯᠠᠭᠴᠢ ᠶᠢᠨ ᠠᠵᠢᠯ ᠢ ᠬᠠᠷᠢᠭᠤᠴᠠᠨ᠎ᠠ᠃       ᠲᠤᠳᠤᠭᠠᠳᠦ ᠶᠢ ᠬᠠᠮᠠᠭᠠᠯᠠᠬᠤ ᠬᠠᠷᠢᠯᠴᠠᠬᠤ ᠪᠠ ᠮᠡᠳᠡᠭᠡ ᠵᠠᠩᠬᠢ   ᠶᠢᠨ ᠠᠵᠢᠯ ᠢ ᠬᠠᠷᠢᠭᠤᠴᠠᠨ᠎ᠠ᠃       ᠬᠠᠷᠢᠯᠴᠠᠬᠤ ᠤᠳᠠᠰᠦ᠄ 0479-8241061       ᠰᠢᠤᠳᠠᠨ ᠨᠤᠮᠧᠷ᠄ 026000       ᠰᠦᠯᠵᠢᠶᠡᠨ ᠤ ᠬᠠᠶᠠᠭ᠄ http://gaj.xlgl.gov.cn
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠭᠤᠤᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号