ᠨᠢᠭᠡ᠂ ᠭᠤᠣᠯ ᠳᠣᠰᠢᠶᠠᠯ ᠬᠠᠷᠢᠭᠤᠴᠠᠯᠭ᠎ᠠ | ︵ᠨᠢᠭᠡ︶ ᠣᠯᠣᠰ᠂ ᠦᠪᠡᠷᠳᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠬᠠᠮᠢᠶ᠎ᠠ ᠲᠠᠢ ᠬᠠᠣᠯᠢ | ᠴᠠᠭᠠᠵᠠ᠂ ᠬᠠᠣᠯᠢ ᠳᠦᠷᠢᠮ᠂ ᠳᠦᠷᠢᠮ ᠳᠣᠭᠳᠠᠭᠠᠯ ᠪᠠ ᠳᠦᠷᠦ ᠶᠢᠨ ᠪᠣᠳᠣᠯᠭ᠎ᠠ ᠶᠢ ᠳᠣᠣᠱᠯᠠᠭᠤᠯᠣᠨ | ᠭᠡᠷᠡᠭᠵᠢᠭᠦᠯᠵᠦ᠂ ᠮᠦᠩᠭᠦᠨ ᠭᠦᠢᠯᠭᠡᠭᠡᠨ ᠤ ᠪᠠᠶᠢᠭᠤᠯᠣᠮᠵᠢ᠂ ᠭᠦᠢᠯᠭᠡᠭᠡᠨ ᠤ ᠪᠡᠯᠡ ᠮᠦᠩᠭᠦᠨ ᠤ ᠪᠠᠶᠢᠭᠤᠯᠣᠮᠵᠢ ᠶᠢᠨ | ᠭᠦᠭᠵᠢᠯᠳᠡ ᠶᠢ ᠳᠡᠮᠵᠢᠭᠦ ᠠᠷᠭ᠎ᠠ ᠭᠡᠮᠵᠢᠶ᠎ᠡ ᠶᠢ ᠰᠣᠳᠣᠯᠣᠨ ᠳᠣᠭᠤᠷᠪᠢᠬᠤ ᠪᠠ ᠵᠣᠬᠢᠶᠠᠨ ᠪᠠᠶᠢᠭᠤᠯᠣᠨ | ᠭᠡᠷᠡᠭᠵᠢᠭᠦᠯᠦᠨ᠎ᠡ᠃ | ︵ᠬᠤᠶᠠᠷ︶ ᠪᠦᠭᠦ ᠠᠶᠢᠮᠠᠭ ᠤᠨ ᠮᠦᠩᠭᠦᠨ ᠭᠦᠢᠯᠭᠡᠭᠡᠨ ᠤ ᠭᠦᠭᠵᠢᠭᠦᠯᠦᠯᠳᠡ ᠶᠢᠨ ᠳᠦᠯᠦᠪᠵᠢᠭᠦᠯᠭᠡ ᠪᠠ ᠣᠨ | ᠤ ᠠᠵᠢᠯ ᠤᠨ ᠳᠦᠯᠦᠪᠯᠡᠭᠡ ᠶᠢ ᠵᠣᠬᠢᠶᠠᠨ ᠪᠠᠶᠢᠭᠤᠯᠣᠨ ᠭᠡᠷᠡᠭᠵᠢᠭᠦᠯᠵᠦ᠂ ᠪᠦᠭᠦ ᠠᠶᠢᠮᠠᠭ ᠤᠨ ᠮᠦᠩᠭᠦᠨ ᠭᠦᠢᠯᠭᠡᠭᠡᠨ | ᠤ ᠦᠢᠯᠡᠰ ᠤᠨ ᠭᠦᠭᠵᠢᠯᠳᠡ ᠶᠢ ᠠᠬᠢᠭᠤᠯᠣᠨ᠎ᠠ︔ ᠮᠦᠩᠭᠦᠨ ᠭᠦᠢᠯᠭᠡᠭᠡᠨ ᠤ ᠬᠠᠨᠳᠣᠰᠢ ᠶᠢ ᠰᠣᠳᠣᠯᠣᠨ ᠵᠠᠳᠠᠯᠵᠦ᠂ | ᠬᠠᠮᠢᠶ᠎ᠠ ᠪᠦᠭᠦᠢ ᠳᠦᠷᠦ ᠶᠢᠨ ᠪᠣᠳᠣᠯᠭ᠎ᠠ ᠰᠠᠨᠠᠭᠤᠯᠭ᠎ᠠ ᠶᠢ ᠳᠣᠷᠠᠳᠣᠨ᠎ᠠ᠃ | ︵ᠭᠤᠷᠪᠠ︶ ᠣᠯᠣᠰ᠂ ᠦᠪᠡᠷᠳᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠬᠠᠮᠢᠶᠠᠷᠣᠯᠳᠠ ᠶᠢᠨ | ᠰᠠᠯᠠᠭ᠎ᠠ ᠮᠦᠴᠢᠷ ᠠᠴᠠ ᠮᠠᠨ ᠤ ᠠᠶᠢᠮᠠᠭ ᠤᠨ ᠮᠦᠩᠭᠦᠨ ᠭᠦᠢᠯᠭᠡᠭᠡᠨ ᠤ ᠪᠠᠶᠢᠭᠤᠯᠣᠮᠵᠢ ᠪᠣᠯᠣᠨ ᠮᠦᠩᠭᠦᠨ | ᠭᠦᠢᠯᠭᠡᠭᠡᠨ ᠤ ᠦᠢᠯᠡᠰ ᠤᠨ ᠵᠠᠭᠤᠴᠢ ᠪᠠᠶᠢᠭᠤᠯᠣᠮᠵᠢ ᠳᠤ ᠬᠢᠨᠠᠨ ᠬᠠᠮᠢᠶᠠᠷᠣᠯᠳᠠ ᠬᠢᠭᠦ ᠳᠤ ᠬᠠᠪᠰᠣᠷᠣᠯᠴᠠᠨ᠂ ᠬᠠᠣᠯᠢ | ᠪᠣᠰᠣ ᠮᠦᠩᠭᠦᠨ ᠭᠦᠢᠯᠭᠡᠭᠡᠨ ᠤ ᠪᠠᠶᠢᠭᠤᠯᠣᠮᠵᠢ ᠪᠠ ᠬᠠᠣᠯᠢ ᠪᠣᠰᠣ ᠮᠦᠩᠭᠦᠨ ᠭᠦᠢᠯᠭᠡᠭᠡᠨ ᠤ ᠳᠣᠬᠠᠶᠢᠯᠠᠭᠰᠠᠨ ᠠᠵᠢᠯ | ᠤᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠦ ᠪᠠ ᠴᠣᠬᠢᠯᠳᠠ ᠦᠭᠴᠦ᠂ ᠮᠦᠩᠭᠦᠨ ᠭᠦᠢᠯᠭᠡᠭᠡᠨ ᠤ ᠡᠮᠬᠢ ᠵᠢᠷᠣᠮ | ᠢ ᠴᠡᠭᠴᠡᠯᠡᠭᠦ ᠪᠠ ᠳᠦᠷᠢᠮᠵᠢᠭᠦᠯᠦᠨ᠎ᠡ︔ ᠮᠦᠩᠭᠦᠨ ᠭᠦᠢᠯᠭᠡᠭᠡᠨ ᠤ ᠦᠢᠯᠡᠰ ᠯᠦᠭᠡ ᠬᠠᠮᠢᠶ᠎ᠠ ᠪᠦᠭᠦᠢ ᠠᠵᠢᠯ | ᠳᠦᠷᠦᠯ ᠤᠨ ᠨᠡᠶᠢᠭᠡᠮᠯᠢᠭ ᠪᠣᠯᠣᠨ ᠵᠠᠭᠤᠴᠢ ᠪᠠᠶᠢᠭᠤᠯᠣᠮᠵᠢ ᠶᠢᠨ ᠳᠣᠬᠠᠶᠢᠯᠠᠭᠰᠠᠨ ᠠᠵᠢᠯ ᠤᠨ ᠠᠵᠢᠯᠯᠠᠭ᠎ᠠ ᠶᠢ | ᠵᠢᠯᠣᠭᠤᠳᠴᠦ᠂ ᠠᠵᠢᠯ ᠳᠦᠷᠦᠯ ᠤᠨ ᠬᠢᠨ ᠤ ᠪᠡᠶ᠎ᠡ ᠪᠠᠨ ᠪᠠᠷᠢᠬᠤ ᠬᠠᠮᠢᠶᠠᠷᠣᠯᠳᠠ ᠶᠢ ᠴᠢᠩᠭᠠᠳᠬᠠᠨ᠎ᠠ᠃ | ︵ᠳᠦᠷᠪᠡ︶ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠳᠣᠷᠠᠨ ᠮᠦᠩᠭᠦᠨ ᠭᠦᠢᠯᠭᠡᠭᠡᠨ ᠤ ᠭᠡᠨᠡᠳᠳᠡ ᠶᠢᠨ | ᠴᠢᠨᠠᠷᠳᠠᠢ ᠭᠡᠷᠡᠭ ᠢ ᠠᠷᠭᠠᠴᠠᠭᠠᠬᠤ ᠪᠡᠯᠡᠳᠭᠡᠯ ᠳᠦᠰᠦᠪ᠂ ᠪᠠᠴᠢᠮ ᠢ ᠠᠷᠭᠠᠴᠠᠭᠠᠬᠤ ᠰᠢᠢᠳᠪᠦᠷᠢᠯᠡᠯᠳᠡ ᠶᠢᠨ | ᠳᠣᠭᠳᠠᠴᠠ ᠬᠢᠭᠡᠳ ᠮᠦᠩᠭᠦᠨ ᠭᠦᠢᠯᠭᠡᠭᠡᠨ ᠤ ᠳᠣᠭᠳᠠᠪᠣᠷᠢᠳᠠᠢ ᠵᠣᠬᠢᠴᠠᠯᠴᠠᠬᠤ ᠳᠣᠭᠳᠠᠴᠠ ᠶᠢ ᠪᠠᠶᠢᠭᠤᠯᠬᠤ ᠪᠠ | ᠳᠡᠭᠦᠯᠳᠡᠷᠵᠢᠭᠦᠯᠦᠨ᠂ ᠮᠦᠩᠭᠦᠨ ᠭᠦᠢᠯᠭᠡᠭᠡᠨ ᠤ ᠳᠦᠭᠰᠢᠭᠦᠷᠢ ᠶᠢ ᠰᠡᠷᠭᠡᠶᠢᠯᠡᠭᠦ᠂ ᠠᠷᠢᠯᠭᠠᠬᠤ ᠪᠠ ᠰᠢᠢᠳᠪᠦᠷᠢᠯᠡᠵᠦ᠂ | ᠭᠠᠵᠠᠷ ᠣᠷᠣᠨ ᠤ ᠮᠦᠩᠭᠦᠨ ᠭᠦᠢᠯᠭᠡᠭᠡᠨ ᠤ ᠳᠣᠭᠳᠠᠭᠤᠨ ᠢ ᠬᠠᠮᠠᠭᠠᠯᠠᠨ᠎ᠠ᠃ | ︵ᠳᠠᠪᠤ︶ ᠠᠶᠢᠮᠠᠭ ᠲᠤ ᠰᠠᠭᠤᠭ᠎ᠠ ᠮᠦᠩᠭᠦᠨ ᠭᠦᠢᠯᠭᠡᠭᠡᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠬᠢᠭᠡᠳ | ᠮᠦᠩᠭᠦᠨ ᠭᠦᠢᠯᠭᠡᠭᠡᠨ ᠤ ᠪᠠᠶᠢᠭᠤᠯᠣᠮᠵᠢ ᠯᠦᠭᠡ ᠨᠡᠪᠳᠡᠷᠡᠯᠴᠡᠭᠡ ᠬᠢᠭᠡᠳ ᠡᠪᠯᠡᠯᠴᠡᠭᠡ ᠶᠢ ᠡᠭᠦᠷᠭᠡᠯᠡᠵᠦ᠂ ᠮᠦᠩᠭᠦᠨ | ᠭᠦᠢᠯᠭᠡᠭᠡᠨ ᠤ ᠠᠵᠦ ᠠᠬᠤᠶᠢᠯᠠᠯ ᠰᠢᠯᠢ ᠶᠢᠨ ᠭᠤᠣᠯ ᠠᠶᠢᠮᠠᠭ ᠲᠤ ᠰᠠᠯᠪᠣᠷᠢ ᠪᠠᠶᠢᠭᠤᠯᠣᠮᠵᠢ ᠪᠠ ᠳᠣᠣᠷ ᠴᠡᠭ | ᠪᠠᠶᠢᠭᠤᠯᠬᠤ ᠶᠢ ᠢᠳᠡᠪᠬᠢᠳᠡᠢ ᠠᠬᠢᠭᠤᠯᠵᠦ᠂ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠵᠦᠢ ᠵᠣᠬᠢᠰᠳᠠᠢ | ᠪᠠᠶᠢᠷᠢᠰᠢᠯ ᠪᠠ ᠮᠦᠩᠭᠦᠨ ᠭᠦᠢᠯᠭᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠳᠣᠬᠢᠷᠠᠭᠤᠯᠬᠤ ᠶᠢ ᠠᠬᠢᠭᠤᠯᠣᠨ᠎ᠠ᠃ | | ︵ᠵᠢᠷᠭᠤᠭ᠎ᠠ︶ ᠣᠷᠣᠨ ᠨᠣᠳᠤᠭ ᠤᠨ ᠴᠢᠨᠠᠷᠳᠠᠢ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ | ᠦᠭᠡᠷᠡᠴᠢᠯᠡᠯᠳᠡ ᠪᠠ ᠭᠦᠭᠵᠢᠯᠳᠡ ᠶᠢ ᠵᠢᠯᠣᠭᠤᠳᠴᠦ᠂ ᠣᠷᠣᠨ ᠨᠣᠳᠤᠭ ᠤᠨ ᠴᠢᠨᠠᠷᠳᠠᠢ ᠮᠦᠩᠭᠦᠨ ᠭᠦᠢᠯᠭᠡᠭᠡᠨ ᠤ | ᠪᠠᠶᠢᠭᠤᠯᠣᠮᠵᠢ ᠶᠢᠨ ᠪᠠᠶᠢᠭᠤᠯᠣᠭᠳᠠᠬᠤ᠂ ᠪᠡᠯᠡ ᠨᠡᠮᠡᠭᠳᠡᠭᠦᠯᠵᠦ ᠬᠤᠪᠢ ᠦᠷᠭᠡᠳᠭᠡᠭᠦ᠂ ᠰᠲ᠋ᠣᠺ ᠤᠨ ᠡᠷᠭᠡ ᠶᠢ | ᠰᠢᠯᠵᠢᠭᠦᠯᠦᠨ ᠦᠭᠭᠦ᠂ ᠳᠠᠩᠰᠠᠨ ᠠᠴᠠ ᠬᠠᠰᠣᠵᠦ ᠬᠠᠭᠠᠬᠤ ᠳᠤ ᠰᠠᠨᠠᠯ ᠳᠣᠷᠠᠳᠴᠦ᠂ ᠬᠠᠣᠯᠢ ᠶᠢᠨ ᠡᠷᠭᠡᠳᠡᠨ ᠤ | ᠵᠠᠰᠠᠯᠳᠠ ᠶᠢᠨ ᠪᠠᠶᠢᠭᠤᠯᠣᠮᠵᠢ ᠪᠠ ᠡᠵᠡᠩᠨᠡᠨ ᠬᠠᠮᠢᠶᠠᠷᠣᠯᠳᠠ ᠶᠢᠨ ᠳᠣᠭᠳᠠᠴᠠ ᠶᠢᠨ ᠳᠡᠭᠦᠯᠳᠡᠷᠵᠢᠭᠦ ᠶᠢ ᠠᠬᠢᠭᠤᠯᠣᠨ᠎ᠠ | ᠃ | ︵ᠳᠣᠯᠤᠭ᠎ᠠ︶ ᠠᠵᠦ ᠠᠬᠤᠶᠢᠯᠠᠯ ᠤᠨ ᠵᠠᠬ᠎ᠠ ᠳᠤ ᠭᠠᠷᠭᠠᠬᠤ ᠠᠴᠠ ᠡᠮᠦᠨᠡᠬᠢ ᠳᠦᠷᠢᠮ ᠤᠨ ᠦᠭᠡᠷᠡᠴᠢᠯᠡᠯᠳᠡ ᠶᠢ | ᠬᠠᠷᠢᠭᠤᠴᠠᠨ ᠵᠣᠬᠢᠶᠠᠨ ᠪᠠᠶᠢᠭᠤᠯᠬᠤ ᠪᠠ ᠵᠣᠬᠢᠴᠠᠭᠤᠯᠵᠦ᠂ ᠵᠠᠬ᠎ᠠ ᠳᠤ ᠭᠠᠷᠭᠠᠬᠤ ᠪᠠᠷ ᠵᠢᠱᠢᠵᠦ ᠪᠦᠭᠦᠢ ᠠᠵᠦ | ᠠᠬᠤᠶᠢᠯᠠᠯ ᠤᠨ ᠢᠯᠡ ᠪᠠᠷ ᠳᠠᠷᠬᠠᠭᠠᠬᠤ ᠰᠲ᠋ᠣᠺ ᠲᠤ ᠠᠩᠬᠠᠨ ᠤ ᠬᠢᠨᠠᠯᠳᠠ ᠶᠢᠨ ᠰᠠᠨᠠᠯ ᠢᠶᠠᠨ ᠳᠣᠷᠠᠳᠣᠨ᠎ᠠ︔ | ᠳᠡᠮᠳᠡᠭᠳᠦ ᠶᠢ ᠬᠢᠨᠠᠬᠤ ᠰᠠᠯᠠᠭ᠎ᠠ ᠮᠦᠴᠢᠷ ᠲᠠᠢ ᠬᠠᠮᠵᠢᠯᠴᠠᠨ ᠵᠠᠬ᠎ᠠ ᠳᠤ ᠭᠠᠷᠣᠭᠰᠠᠨ ᠺᠣᠮᠫᠠᠨᠢ ᠶᠢᠨ ᠬᠢᠨᠠᠨ | ᠬᠠᠮᠢᠶᠠᠷᠣᠯᠳᠠ ᠪᠠᠨ ᠴᠢᠩᠭᠠᠳᠬᠠᠵᠦ᠂ ᠪᠦᠭᠦ ᠠᠶᠢᠮᠠᠭ ᠤᠨ ᠵᠠᠬ᠎ᠠ ᠳᠤ ᠭᠠᠷᠣᠭᠰᠠᠨ ᠺᠣᠮᠫᠠᠨᠢ ᠶᠢ ᠣᠳᠣᠷᠢᠳᠣᠨ ᠳᠠᠬᠢᠨ | ᠪᠡᠯᠡ ᠮᠦᠩᠭᠦ ᠴᠣᠭᠯᠠᠭᠤᠯᠬᠤ᠂ ᠵᠠᠯᠬᠢᠨ ᠨᠡᠶᠢᠯᠡᠭᠦᠯᠵᠦ ᠬᠤᠳᠠᠯᠳᠣᠨ ᠠᠪᠬᠤ ᠪᠠ ᠪᠡᠯᠡ ᠭᠦᠷᠦᠩᠭᠡ ᠶᠢ ᠳᠠᠪᠳᠠᠨ | ᠪᠦᠯᠦᠭᠯᠡᠭᠦ ᠠᠵᠢᠯ ᠢ ᠵᠢᠯᠣᠭᠤᠳᠴᠦ᠂ ᠵᠠᠬ᠎ᠠ ᠳᠤ ᠭᠠᠷᠣᠭᠰᠠᠨ ᠺᠣᠮᠫᠠᠨᠢ ᠶᠢᠨ ᠬᠠᠮᠢᠶ᠎ᠠ ᠪᠦᠭᠦᠢ ᠳᠦᠭᠰᠢᠭᠦᠷᠢ ᠶᠢ | ᠠᠷᠢᠯᠭᠠᠨ᠎ᠠ︔ ᠠᠵᠦ ᠦᠢᠯᠡᠰ ᠤᠨ ᠪᠡᠯᠡ ᠣᠷᠣᠭᠤᠯᠬᠤ ᠰᠠᠭᠤᠷᠢ ᠮᠦᠩᠭᠦ᠂ ᠰᠲ᠋ᠣᠺ ᠶᠢᠨ ᠡᠷᠭᠡ ᠶᠢᠨ ᠪᠡᠯᠡ | ᠣᠷᠣᠭᠤᠯᠬᠤ ᠰᠠᠭᠤᠷᠢ ᠮᠦᠩᠭᠦ ᠵᠡᠷᠭᠡ ᠶᠢ ᠳᠦᠷᠢᠮᠵᠢᠭᠦᠯᠦᠨ ᠭᠦᠭᠵᠢᠭᠦᠯᠭᠦ ᠶᠢ ᠵᠢᠯᠣᠭᠤᠳᠣᠨ᠎ᠠ︔ ᠣᠷᠣᠨ ᠤ | ᠳᠣᠳᠣᠷᠠᠬᠢ ᠵᠠᠬ᠎ᠠ ᠳᠤ ᠭᠠᠷᠣᠭᠠᠳᠣᠢ ᠠᠵᠦ ᠠᠬᠤᠶᠢᠯᠠᠯ ᠤᠨ ᠰᠲ᠋ᠣᠺ ᠶᠢᠨ ᠡᠷᠭᠡ ᠶᠢᠨ ᠰᠣᠯᠢᠯᠴᠠᠭᠠᠨ ᠤ ᠵᠠᠬ᠎ᠠ | ᠳᠡᠯᠭᠡᠭᠦᠷ ᠢ ᠬᠠᠮᠢᠶᠠᠷᠣᠨ᠎ᠠ᠃ | ︵ᠨᠠᠢᠮᠠ︶ ᠵᠠᠰᠠᠭ ᠤᠨ ᠣᠷᠳᠣᠨ ᠤ ᠪᠡᠯᠡ ᠮᠦᠩᠭᠦ ᠣᠷᠣᠭᠤᠯᠬᠤ ᠳᠠᠪᠴᠠᠩ ᠢ ᠬᠠᠷᠢᠭᠤᠴᠠᠨ ᠬᠠᠮᠢᠶᠠᠷᠴᠦ᠂ | ᠪᠡᠯᠡ ᠮᠦᠩᠭᠦ ᠴᠣᠭᠯᠠᠭᠤᠯᠵᠦ ᠣᠷᠣᠭᠤᠯᠬᠤ ᠳᠠᠪᠴᠠᠩ ᠯᠦᠭᠡ ᠬᠠᠮᠵᠢᠯᠴᠠᠨ ᠪᠡᠯᠡ ᠴᠣᠭᠯᠠᠭᠤᠯᠬᠤ ᠳᠦᠰᠦᠯ ᠢ | ᠨᠠᠶᠢᠳᠠᠪᠣᠷᠢᠵᠢᠭᠤᠯᠣᠨ᠂ ᠳᠦᠷᠦᠯ ᠵᠦᠢᠯ ᠤᠨ ᠪᠡᠯᠡ ᠮᠦᠩᠭᠦ ᠶᠢᠨ ᠨᠠᠶᠢᠳᠠᠪᠣᠷᠢᠵᠢᠭᠳᠠᠭᠰᠠᠨ ᠪᠠᠶᠢᠳᠠᠯ᠂ ᠪᠠᠷᠢᠯᠭ᠎ᠠ ᠶᠢᠨ | ᠪᠠᠶᠢᠭᠤᠯᠣᠯᠳᠠ ᠶᠢᠨ ᠠᠬᠢᠴᠠ᠂ ᠳᠦᠷᠦᠯ ᠵᠦᠢᠯ ᠤᠨ ᠪᠡᠯᠡ ᠣᠷᠣᠭᠤᠯᠣᠯᠳᠠ ᠶᠢ ᠦᠨᠡᠯᠡᠭᠦ᠂ ᠮᠦᠩᠭᠦ ᠪᠣᠴᠠᠭᠠᠯᠳᠠ ᠶᠢ | ᠨᠠᠶᠢᠳᠠᠪᠣᠷᠢᠵᠢᠭᠤᠯᠣᠭᠰᠠᠨ ᠪᠠᠶᠢᠳᠠᠯ ᠵᠡᠷᠭᠡ ᠶᠢ ᠬᠠᠮᠢᠶᠠᠷᠬᠤ ᠪᠠ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠦ | ᠭᠡᠷᠡᠭᠵᠢᠭᠦᠯᠦᠨ᠎ᠡ᠃ | ︵ᠶᠢᠰᠦ︶ ᠳᠣᠮᠳᠠ ᠪᠠᠭ᠎ᠠ ᠠᠵᠦ ᠠᠬᠤᠶᠢᠯᠠᠯ ᠤᠨ ᠪᠡᠯᠡ ᠴᠣᠭᠯᠠᠭᠤᠯᠬᠤ ᠶᠢ ᠬᠠᠷᠢᠭᠤᠴᠠᠨ᠂ ᠮᠦᠩᠭᠦᠨ | ᠭᠦᠢᠯᠭᠡᠭᠡᠨ ᠤ ᠪᠠᠶᠢᠭᠤᠯᠣᠮᠵᠢ ᠲᠠᠢ ᠡᠪᠯᠡᠯᠴᠡᠨ ᠳᠣᠮᠳᠠ ᠪᠠᠭ᠎ᠠ ᠠᠵᠦ ᠠᠬᠤᠶᠢᠯᠠᠯ ᠳᠤ ᠳᠣᠬᠢᠷᠠᠬᠤ ᠳᠡᠰ ᠦᠨᠡᠯᠡᠨ | ᠢᠳᠡᠭᠡᠯ ᠣᠯᠭᠤᠬᠤ ᠳᠦᠷᠢᠮ ᠢ ᠳᠡᠭᠦᠯᠳᠡᠷᠵᠢᠭᠦᠯᠵᠦ᠂ ᠳᠣᠮᠳᠠ ᠪᠠᠭ᠎ᠠ ᠠᠵᠦ ᠠᠬᠤᠶᠢᠯᠠᠯ ᠤᠨ ᠭᠡᠷᠡᠭᠴᠡᠭᠡ ᠳᠤ | ᠳᠣᠬᠢᠷᠠᠬᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠪ᠊ ᠤ ᠦᠢᠯᠡᠳᠭᠡᠭᠦᠨ ᠢ ᠨᠡᠭᠡᠭᠡᠵᠦ᠂ ᠳᠣᠮᠳᠠ ᠪᠠᠭ᠎ᠠ ᠠᠵᠦ | ᠠᠬᠤᠶᠢᠯᠠᠯ ᠤᠨ ᠪᠡᠯᠡ ᠴᠣᠭᠯᠠᠭᠤᠯᠬᠤ ᠦᠢᠯᠡᠴᠢᠯᠡᠭᠡᠨ ᠤ ᠳᠣᠭᠳᠠᠴᠠ ᠶᠢ ᠳᠡᠭᠦᠯᠳᠡᠷᠵᠢᠭᠦᠯᠦᠨ᠎ᠡ᠃ | ︵ᠠᠷᠪᠠ︶ ᠪᠦᠭᠦ ᠠᠶᠢᠮᠠᠭ ᠤᠨ ᠪᠠᠭ᠎ᠠ ᠳᠣᠭᠠᠳᠣ ᠵᠢᠭᠡᠯᠡᠯᠭᠡ ᠶᠢᠨ ᠺᠣᠮᠫᠠᠨᠢ ᠶᠢ ᠬᠢᠨᠠᠨ ᠬᠠᠮᠢᠶᠠᠷᠬᠤ ᠳᠣᠰᠢᠶᠠᠯ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠭ᠎ᠠ ᠳᠣᠭᠠᠳᠣ ᠵᠢᠭᠡᠯᠡᠯᠭᠡ ᠶᠢᠨ ᠺᠣᠮᠫᠠᠨᠢ ᠶᠢ ᠬᠢᠨᠠᠨ ᠬᠠᠮᠢᠶᠠᠷᠬᠤ ᠡᠯ᠎ᠡ ᠵᠦᠢᠯ | ᠤᠨ ᠳᠦᠷᠢᠮ ᠳᠣᠭᠳᠠᠭᠠᠯ ᠪᠠ ᠠᠷᠭ᠎ᠠ ᠶᠢ ᠵᠣᠬᠢᠶᠠᠨ ᠪᠠᠶᠢᠭᠤᠯᠵᠦ ᠭᠡᠷᠡᠭᠵᠢᠭᠦᠯᠦᠨ᠎ᠡ︔ ᠪᠠᠭ᠎ᠠ ᠳᠣᠭᠠᠳᠣ ᠵᠢᠭᠡᠯᠡᠯᠭᠡ | ᠶᠢᠨ ᠺᠣᠮᠫᠠᠨᠢ ᠶᠢ ᠪᠡᠯᠡᠳᠭᠡᠨ ᠪᠠᠶᠢᠭᠤᠯᠬᠤ᠂ ᠠᠵᠢᠯ ᠡᠬᠢᠯᠡᠭᠦ᠂ ᠰᠲ᠋ᠣᠺ ᠶᠢᠨ ᠡᠷᠭᠡ ᠶᠢᠨ ᠬᠤᠪᠢᠷᠠᠯᠳᠠ ᠬᠢᠭᠡᠳ | ᠳᠠᠩᠰᠠᠨ ᠠᠴᠠ ᠬᠠᠰᠣᠬᠤ ᠶᠠᠪᠣᠳᠠᠯ ᠳᠤ ᠠᠩᠬᠠᠨ ᠤ ᠬᠢᠨᠠᠯᠳᠠ ᠳᠠᠯᠪᠢᠵᠦ᠂ ᠦᠪᠡᠷᠳᠡᠭᠡᠨ ᠵᠠᠰᠠᠬᠤ ᠣᠷᠣᠨ ᠤ | ᠮᠦᠩᠭᠦᠨ ᠭᠦᠢᠯᠭᠡᠭᠡᠨ ᠤ ᠠᠯᠪᠠᠨ ᠭᠡᠷ ᠯᠦᠭᠡ ᠬᠠᠮᠵᠢᠯᠴᠠᠨ ᠪᠠᠭ᠎ᠠ ᠳᠣᠭᠠᠨ ᠤ ᠵᠢᠭᠡᠯᠡᠯᠭᠡ ᠶᠢᠨ ᠺᠣᠮᠫᠠᠨᠢ ᠶᠢᠨ | ᠳᠣᠬᠠᠶᠢᠯᠠᠭᠰᠠᠨ ᠠᠵᠢᠯ ᠤᠨ ᠡᠵᠡᠩᠨᠡᠯᠳᠡ ᠶᠢᠨ ᠠᠵᠢᠯᠯᠠᠭ᠎ᠠ ᠶᠢ ᠬᠢᠨᠠᠨ ᠬᠠᠮᠢᠶᠠᠷᠴᠦ᠂ ᠪᠠᠭ᠎ᠠ ᠳᠣᠭᠠᠨ ᠤ ᠵᠢᠭᠡᠯᠡᠯᠭᠡ | ᠶᠢᠨ ᠺᠣᠮᠫᠠᠨᠢ ᠶᠢᠨ ᠳᠦᠭᠰᠢᠭᠦᠷᠢ ᠶᠢ ᠰᠢᠢᠳᠪᠦᠷᠢᠯᠡᠨ᠎ᠡ᠃ | ︵ᠠᠷᠪᠠᠨ ᠨᠢᠭᠡ︶ ᠪᠦᠭᠦ ᠠᠶᠢᠮᠠᠭ ᠤᠨ ᠮᠦᠩᠭᠦ ᠴᠣᠭᠯᠠᠭᠤᠯᠬᠤ ᠰᠢᠨᠵᠢᠳᠡᠢ ᠳᠠᠭᠠᠭᠠᠯᠳᠠ ᠶᠢᠨ ᠪᠠᠶᠢᠭᠤᠯᠣᠮᠵᠢ ᠶᠢ | ᠬᠢᠨᠠᠨ ᠬᠠᠮᠢᠶᠠᠷᠬᠤ ᠳᠣᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠭᠦ ᠠᠶᠢᠮᠠᠭ ᠤᠨ ᠪᠡᠯᠡ ᠴᠣᠭᠯᠠᠭᠤᠯᠬᠤ | ᠴᠢᠨᠠᠷᠳᠠᠢ ᠳᠠᠭᠠᠭᠠᠯᠳᠠ ᠶᠢᠨ ᠪᠠᠶᠢᠭᠤᠯᠣᠮᠵᠢ ᠶᠢ ᠬᠢᠨᠠᠨ ᠬᠠᠮᠢᠶᠠᠷᠬᠤ ᠳᠦᠷᠢᠮ ᠳᠣᠭᠳᠠᠭᠠᠯ ᠪᠠ ᠠᠷᠭ᠎ᠠ ᠶᠢ ᠵᠣᠬᠢᠶᠠᠨ | ᠪᠠᠶᠢᠭᠤᠯᠣᠨ ᠭᠡᠷᠡᠭᠵᠢᠭᠦᠯᠦᠨ᠎ᠡ︔ ᠪᠠᠯᠡ ᠴᠣᠭᠯᠠᠭᠤᠯᠬᠤ ᠰᠢᠨᠵᠢᠳᠡᠢ ᠳᠠᠭᠠᠭᠠᠯᠳᠠ ᠶᠢᠨ ᠪᠠᠶᠢᠭᠤᠯᠣᠮᠵᠢ ᠶᠢᠨ | ᠪᠠᠶᠢᠭᠤᠯᠣᠭᠳᠠᠬᠤ ᠪᠠ ᠬᠤᠪᠢᠷᠠᠯᠳᠠ ᠶᠢ ᠠᠩᠬ᠎ᠠ ᠬᠢᠨᠠᠨ᠎ᠠ︔ ᠳᠣᠮᠳᠠ ᠪᠠᠭ᠎ᠠ ᠠᠵᠦ ᠠᠬᠤᠶᠢᠯᠠᠯ ᠤᠨ ᠢᠳᠡᠭᠡᠮᠵᠢ ᠶᠢᠨ | ᠳᠠᠭᠠᠭᠠᠯᠳᠠ ᠶᠢᠨ ᠳᠣᠰᠬᠠᠢ ᠪᠡᠯᠡ ᠮᠦᠩᠭᠦ ᠬᠢᠭᠡᠳ ᠳᠣᠮᠳᠠ ᠪᠠᠭ᠎ᠠ ᠠᠵᠦ ᠠᠬᠤᠶᠢᠯᠠᠯ ᠤᠨ ᠢᠳᠡᠭᠡᠮᠵᠢᠳᠦ | ᠳᠠᠭᠠᠭᠠᠯᠳᠠ ᠶᠢᠨ ᠳᠦᠭᠰᠢᠭᠦᠷᠢ ᠶᠢ ᠨᠦᠭᠦᠭᠦ ᠳᠣᠰᠬᠠᠢ ᠳᠦᠷᠦᠯ ᠤᠨ ᠪᠡᠯᠡ ᠮᠦᠩᠭᠦ ᠵᠡᠷᠭᠡ ᠡᠳ᠋ ᠤᠨ ᠵᠠᠰᠠᠭ ᠠᠴᠠ | ᠳᠣᠮᠳᠠ ᠪᠠᠭ᠎ᠠ ᠠᠵᠦ ᠠᠬᠤᠶᠢᠯᠠᠯ ᠤᠨ ᠪᠡᠯᠡ ᠴᠣᠭᠯᠠᠭᠤᠯᠬᠤ ᠶᠢ ᠳᠡᠮᠵᠢᠭᠦ ᠳᠣᠰᠬᠠᠢ ᠳᠦᠷᠦᠯ ᠤᠨ ᠪᠡᠯᠡ ᠮᠦᠩᠭᠦ | ᠶᠢᠨ ᠭᠡᠷᠡᠭᠯᠡᠯᠳᠡ ᠶᠢ ᠳᠣᠬᠢᠷᠠᠭᠤᠯᠣᠨ᠎ᠠ᠃ | ︵ᠠᠷᠪᠠᠨ ᠬᠤᠶᠠᠷ︶ ᠪᠦᠭᠦ ᠠᠶᠢᠮᠠᠭ ᠤᠨ ᠢᠳᠡᠭᠡᠮᠵᠢ ᠶᠢᠨ ᠳᠣᠭᠳᠠᠴᠠ ᠶᠢᠨ ᠪᠠᠶᠢᠭᠤᠯᠣᠯᠳᠠ ᠶᠢᠨ ᠠᠵᠢᠯ ᠢ | ᠬᠠᠷᠢᠭᠤᠴᠠᠨ᠎ᠠ᠃ ᠢᠳᠡᠭᠡᠮᠵᠢ ᠶᠢᠨ ᠳᠦᠷᠢᠮ ᠢ ᠰᠣᠳᠣᠯᠣᠨ ᠳᠣᠭᠤᠷᠪᠢᠵᠦ᠂ ᠢᠳᠡᠭᠡᠮᠵᠢ ᠶᠢᠨ ᠦᠢᠯᠡᠴᠢᠯᠡᠭᠡᠨ ᠤ ᠡᠭᠢ | ᠪᠠᠶᠠᠯᠢᠭ ᠢ ᠨᠢᠭᠡᠳᠦᠭᠦᠯᠵᠦ᠂ ᠢᠳᠡᠭᠡᠮᠵᠢ ᠶᠢᠨ ᠪᠠᠶᠢᠭᠤᠯᠣᠮᠵᠢ ᠪᠠ ᠬᠠᠮᠢᠶ᠎ᠠ ᠪᠦᠭᠦᠢ ᠢᠳᠡᠭᠡᠮᠵᠢ ᠶᠢᠨ ᠠᠵᠢᠯᠯᠠᠭ᠎ᠠ ᠶᠢ | ᠬᠢᠨᠠᠨ ᠬᠠᠮᠢᠶᠠᠷᠴᠦ᠂ ᠢᠳᠡᠭᠡᠮᠵᠢ ᠶᠢᠨ ᠵᠠᠭᠤᠴᠢ ᠦᠢᠯᠡᠴᠢᠯᠡᠭᠡᠨ ᠤ ᠪᠠᠶᠢᠭᠤᠯᠣᠮᠵᠢ ᠪᠠ ᠢᠳᠡᠭᠡᠮᠵᠢ ᠶᠢᠨ | ᠦᠢᠯᠡᠴᠢᠯᠡᠭᠡᠨ ᠤ ᠵᠠᠬ᠎ᠠ ᠳᠡᠯᠭᠡᠭᠦᠷ ᠶᠢ ᠬᠢᠨᠠᠨ ᠬᠠᠮᠢᠶᠠᠷᠴᠦ᠂ ᠢᠳᠡᠭᠡᠮᠵᠢ ᠶᠢᠨ ᠬᠠᠣᠯᠢ ᠵᠦᠷᠢᠴᠡᠭᠰᠡᠨ ᠦᠢᠯᠡ | ᠠᠵᠢᠯᠯᠠᠭ᠎ᠠ ᠳᠤ ᠵᠠᠰᠠᠭ ᠵᠠᠬᠢᠷᠭᠠᠨ ᠤ ᠳᠣᠷᠭᠠᠭᠤᠯᠢ ᠰᠢᠳᠭᠡᠯ ᠦᠭᠭᠦᠨ᠎ᠡ᠃ | ︵ᠠᠷᠪᠠᠨ ᠭᠤᠷᠪᠠ︶ ᠠᠶᠢᠮᠠᠭ ᠤᠨ ᠵᠠᠬᠢᠷᠭ᠎ᠠ ᠪᠠ ᠦᠪᠡᠷᠳᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ ᠠᠴᠠ ᠳᠣᠰᠢᠶᠠᠭᠰᠠᠨ ᠪᠣᠰᠣᠳ ᠣᠴᠢᠷ ᠤᠳ ᠢ ᠳᠠᠭᠠᠭᠠᠨ ᠭᠦᠢᠴᠡᠳᠭᠡᠨ᠎ᠡ᠃ | ᠬᠤᠶᠠᠷ᠂ ᠳᠣᠳᠣᠭᠠᠳᠣ ᠪᠠᠶᠢᠭᠤᠯᠣᠮᠵᠢ | ︵ᠨᠢᠭᠡ︶ ᠶᠡᠷᠦᠩᠭᠡᠶᠢᠯᠡᠭᠰᠡᠨ ᠰᠠᠯᠠᠭ᠎ᠠ | ᠪᠦᠭᠦ ᠠᠶᠢᠮᠠᠭ ᠤᠨ ᠮᠦᠩᠭᠦᠨ ᠭᠦᠢᠯᠭᠡᠭᠡᠨ ᠤ ᠣᠨ ᠤ ᠠᠵᠢᠯ ᠤᠨ ᠳᠦᠯᠦᠪᠯᠡᠭᠡ ᠶᠢ ᠰᠣᠳᠣᠯᠣᠨ ᠳᠣᠷᠠᠳᠴᠦ᠂ | ᠮᠦᠩᠭᠦᠨ ᠭᠦᠢᠯᠭᠡᠭᠡ ᠶᠢ ᠭᠦᠭᠵᠢᠭᠦᠯᠭᠦ ᠳᠦᠯᠦᠪᠵᠢᠭᠦᠯᠭᠡ ᠶᠢ ᠨᠠᠶᠢᠷᠠᠭᠤᠯᠣᠨ ᠳᠣᠭᠳᠠᠭᠠᠵᠦ᠂ ᠮᠦᠩᠭᠦᠨ ᠭᠦᠢᠯᠭᠡᠭᠡᠨ | ᠤ ᠬᠠᠣᠯᠢ ᠳᠦᠷᠢᠮ ᠪᠠ ᠳᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠣᠨ ᠳᠣᠣᠱᠯᠠᠭᠤᠯᠣᠨ ᠨᠠᠶᠢᠳᠠᠪᠣᠷᠢᠵᠢᠭᠤᠯᠵᠦ᠂ | ᠪᠦᠭᠦ ᠠᠶᠢᠮᠠᠭ ᠤᠨ ᠮᠦᠩᠭᠦᠨ ᠭᠦᠢᠯᠭᠡᠭᠡᠨ ᠤ ᠪᠠᠶᠢᠳᠠᠯ ᠳᠤ ᠵᠠᠳᠠᠯᠣᠯᠳᠠ ᠪᠠ ᠣᠷᠢᠳᠴᠢᠯᠠᠨ ᠵᠢᠱᠢᠯᠳᠠ ᠬᠢᠵᠦ᠂ | ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢ ᠬᠢᠨᠠᠨ ᠰᠢᠯᠭᠠᠬᠤ ᠪᠠ ᠰᠠᠶᠢᠰᠢᠶᠠᠨ ᠭᠦᠬᠢᠭᠦᠯᠦᠨᠡ︔ ᠪᠦᠭᠦ ᠠᠶᠢᠮᠠᠭ | ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠣᠯᠳᠠ ᠪᠠ ᠢᠳᠡᠭᠡᠮᠵᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ | ᠶᠢᠨ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠵᠠᠰᠠᠭ ᠤᠨ ᠶᠠᠪᠣᠳᠠᠯ ᠢ ᠬᠠᠷᠢᠭᠤᠴᠠᠨ᠂ ᠬᠤᠷᠠᠯ᠂ ᠠᠯᠪᠠᠨ ᠪᠢᠴᠢᠭ | ᠴᠠᠬᠢᠯᠭᠠᠨ ᠮᠡᠳᠡᠭᠡ᠂ ᠴᠢᠬᠤᠯᠠ ᠨᠢᠭᠤᠴᠠ᠂ ᠳᠠᠩᠰᠠ ᠡᠪᠭᠡᠮᠡᠯ᠂ ᠡᠳ᠋ ᠤᠨ ᠶᠠᠪᠣᠳᠠᠯ᠂ ᠵᠠᠬᠢᠳᠠᠯ ᠰᠣᠷᠪᠣᠯᠵᠢᠯᠠᠭ᠎ᠠ᠂ | ᠴᠢᠮᠡᠭᠡ ᠰᠣᠷᠠᠭ᠂ ᠣᠬᠠᠭᠤᠯᠭ᠎ᠠ᠂ ᠬᠢᠨᠠᠨ ᠪᠠᠶᠢᠴᠠᠭᠠᠯᠳᠠ᠂ ᠭᠠᠳᠠᠭᠠᠳᠣ ᠶᠠᠪᠣᠳᠠᠯ᠂ ᠭᠦᠯᠢᠶᠡᠨ ᠠᠪᠣᠯᠳᠠ ᠵᠡᠷᠭᠡ | ᠬᠠᠮᠢᠶ᠎ᠠ ᠪᠦᠭᠦᠢ ᠭᠡᠷᠡᠭ ᠶᠠᠪᠣᠳᠠᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠠᠷᠣ ᠳᠠᠯ᠎ᠠ ᠶᠢᠨ ᠬᠠᠮᠢᠶᠠᠷᠣᠯᠳᠠ ᠬᠢᠭᠡᠳ | ᠦᠢᠯᠡᠴᠢᠯᠡᠭᠡ ᠶᠢ ᠬᠠᠷᠢᠭᠤᠴᠠᠨ᠎ᠠ︔ ᠪᠠᠶᠢᠭᠤᠯᠭ᠎ᠠ ᠪᠠ ᠬᠠᠷᠢᠶᠠᠳᠦ ᠨᠢᠭᠡᠴᠡ ᠶᠢᠨ ᠨᠠᠮ ᠣᠯᠠᠨ ᠳᠦᠮᠡᠨ ᠤ ᠠᠵᠢᠯ | ᠬᠢᠭᠡᠳ ᠠᠵᠢᠯᠳᠠᠨ ᠤ ᠶᠠᠪᠣᠳᠠᠯ᠂ ᠴᠠᠯᠢᠩ ᠬᠢᠭᠡᠳ ᠳᠠᠩᠰᠠ ᠡᠪᠭᠡᠮᠡᠯ ᠤᠨ ᠬᠠᠮᠢᠶᠠᠷᠣᠯᠳᠠ᠂ ᠠᠵᠢᠯ ᠠᠴᠠ ᠰᠠᠯᠵᠦ | ᠠᠵᠢᠯ ᠠᠴᠠ ᠠᠮᠠᠷᠠᠭᠰᠠᠳ ᠤᠨ ᠬᠠᠮᠢᠶᠠᠷᠣᠯᠳᠠ ᠪᠣᠯᠣᠨ ᠺᠠᠳ᠋ᠷ ᠤᠨ ᠪᠣᠯᠪᠠᠰᠣᠷᠠᠯ ᠭᠦᠮᠦᠵᠢᠯ ᠤᠨ ᠠᠵᠢᠯ ᠢ | ᠬᠠᠷᠢᠭᠤᠴᠠᠨ᠎ᠠ᠃ | ︵ᠬᠤᠶᠠᠷ︶ ᠪᠠᠩᠬᠢ ᠶᠢᠨ ᠪᠠᠳᠣᠯᠠᠭᠠᠨ ᠤ ᠰᠠᠯᠠᠭ᠎ᠠ | ᠬᠤᠳᠠᠯᠳᠣᠭᠠᠨ ᠤ ᠪᠠᠩᠬᠢ᠂ ᠳᠦᠷᠦ ᠶᠢᠨ ᠪᠣᠳᠣᠯᠭ᠎ᠠ ᠶᠢᠨ ᠴᠢᠨᠠᠷᠳᠠᠢ ᠪᠠᠩᠬᠢ᠂ ᠬᠤᠪᠢᠴᠠᠭᠠᠳᠣ ᠳᠦᠷᠢᠮ ᠪᠦᠭᠦᠢ | ᠪᠠᠩᠬᠢ᠂ ᠳᠠᠭᠠᠳᠬᠠᠯ ᠤᠨ ᠦᠢᠯᠡᠰ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠠᠶᠢᠮᠠᠭ ᠲᠤ ᠰᠠᠭᠤᠭ᠎ᠠ ᠪᠠᠩᠬᠢ | ᠶᠢᠨ ᠦᠢᠯᠡᠰ ᠲᠤ ᠬᠠᠪᠰᠣᠷᠣᠯᠴᠠᠬᠤ᠂ ᠳᠠᠭᠠᠳᠬᠠᠯ ᠤᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠣᠮᠵᠢ | ᠪᠣᠯᠣᠨ ᠬᠠᠮᠢᠶ᠎ᠠ ᠪᠦᠭᠦᠢ ᠵᠠᠭᠤᠴᠢ ᠪᠠᠶᠢᠭᠤᠯᠣᠮᠵᠢ ᠳᠤ ᠵᠢᠷᠣᠮᠵᠢᠭᠰᠠᠨ ᠬᠠᠮᠢᠶᠠᠷᠣᠯᠳᠠ ᠬᠢᠭᠦ᠂ ᠡᠪᠯᠡᠯᠴᠡᠨ ᠬᠠᠮᠢᠶ᠎ᠠ | ᠪᠦᠭᠦᠢ ᠠᠰᠠᠭᠤᠳᠠᠯ ᠤᠳ ᠢ ᠰᠢᠢᠳᠪᠦᠷᠢᠯᠡᠭᠦ ᠶᠢ ᠬᠠᠷᠢᠭᠤᠴᠠᠨ᠎ᠠ︔ ᠪᠠᠩᠬᠢ ᠶᠢᠨ ᠦᠢᠯᠡᠰ ᠪᠠ ᠳᠠᠭᠠᠳᠬᠠᠯ ᠤᠨ | ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠣᠮᠵᠢ ᠮᠠᠨ ᠤ ᠠᠶᠢᠮᠠᠭ ᠲᠤ ᠬᠤᠪᠢᠶᠠᠷᠢ ᠪᠠᠶᠢᠭᠤᠯᠣᠮᠵᠢ ᠨᠡᠮᠡᠨ | ᠪᠠᠶᠢᠭᠤᠯᠵᠦ ᠳᠣᠣᠷ ᠴᠡᠭ ᠤᠨ ᠪᠠᠶᠢᠷᠢᠰᠢᠭᠤᠯᠳᠠ ᠶᠢ ᠳᠣᠬᠢᠷᠠᠭᠤᠯᠣᠨ ᠰᠢᠯᠢᠳᠡᠭᠵᠢᠭᠦᠯᠭᠦ ᠶᠢ ᠳᠦᠯᠬᠢᠨ ᠠᠬᠢᠭᠤᠯᠣᠨ᠎ᠠ | ︔ ᠬᠠᠮᠢᠶ᠎ᠠ ᠪᠦᠭᠦᠢ ᠰᠠᠯᠠᠭ᠎ᠠ ᠮᠦᠴᠢᠷ ᠯᠦᠭᠡ ᠬᠠᠷᠢᠯᠴᠠᠨ ᠮᠦᠩᠭᠦᠨ ᠭᠦᠢᠯᠭᠡᠭᠡ ᠶᠢ ᠳᠣᠭᠳᠠᠪᠣᠷᠢᠵᠢᠭᠤᠯᠣᠨ | ᠵᠣᠬᠢᠴᠠᠭᠤᠯᠬᠤ ᠳᠣᠭᠳᠠᠴᠠ᠂ ᠮᠦᠩᠭᠦᠨ ᠭᠦᠢᠯᠭᠡᠭᠡᠨ ᠤ ᠪᠠᠴᠢᠮ ᠢ ᠠᠷᠭᠠᠴᠠᠭᠠᠬᠤ ᠬᠠᠮᠢᠶᠠᠷᠣᠯᠳᠠ᠂ ᠬᠠᠣᠯᠢ ᠪᠣᠰᠣ | ᠪᠠᠷ ᠪᠡᠯᠡ ᠴᠣᠭᠯᠠᠭᠤᠯᠬᠤ ᠳᠤ ᠴᠣᠬᠢᠯᠳᠠ ᠦᠭᠭᠦ ᠵᠡᠷᠭᠡ ᠠᠵᠢᠯ ᠢ ᠰᠠᠶᠢᠳᠣᠷ ᠬᠢᠨ᠎ᠡ︔ ᠭᠤᠣᠯᠳᠠᠯᠭᠠᠳᠣ ᠳᠦᠷᠦᠯ | ᠵᠦᠢᠯ ᠪᠠ ᠳᠣᠮᠳᠠ ᠪᠠᠭ᠎ᠠ ᠠᠵᠦ ᠠᠬᠤᠶᠢᠯᠠᠯ ᠳᠤ ᠪᠡᠯᠡ ᠴᠣᠭᠯᠠᠭᠤᠯᠬᠤ ᠠᠵᠢᠯ ᠢ ᠵᠣᠬᠢᠴᠠᠭᠤᠯᠣᠨ ᠠᠬᠢᠭᠤᠯᠣᠨ᠎ᠠ︔ | ᠪᠡᠯᠡ ᠣᠷᠣᠭᠤᠯᠣᠨ ᠪᠡᠯᠡ ᠴᠣᠭᠯᠠᠭᠤᠯᠬᠤ ᠳᠠᠪᠴᠠᠩ ᠲᠠᠢ ᠬᠠᠮᠳᠣ ᠪᠠᠷ ᠪᠠᠯᠡ ᠴᠣᠭᠯᠠᠭᠤᠯᠬᠤ ᠠᠵᠢᠯ ᠢ ᠡᠪᠯᠡᠯᠴᠡᠨ | ᠠᠬᠢᠭᠤᠯᠣᠨ᠎ᠠ︔ ᠳᠣᠰᠬᠤᠨ ᠪᠠᠯᠭᠠᠰᠣᠨ ᠤ ᠪᠠᠩᠬᠢ᠂ ᠭᠦᠳᠡᠭᠡ ᠳᠣᠰᠬᠤᠨ ᠤ ᠬᠤᠷᠰᠢᠭᠰᠠᠨ ᠪᠠᠩᠬᠢ᠂ ᠭᠦᠳᠡᠭᠡ | ᠳᠣᠰᠬᠤᠨ ᠤ ᠢᠳᠡᠭᠡᠮᠵᠢ ᠶᠢᠨ ᠬᠤᠷᠰᠢᠶ᠎ᠠ᠂ ᠪᠡᠯᠡ ᠮᠦᠩᠭᠦ ᠪᠠᠷ ᠬᠠᠪᠰᠣᠷᠣᠯᠴᠠᠬᠤ ᠬᠤᠷᠰᠢᠶ᠎ᠠ ᠵᠡᠷᠭᠡ ᠣᠷᠣᠨ | ᠨᠣᠳᠤᠭ ᠤᠨ ᠴᠢᠨᠠᠷᠳᠠᠢ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠦᠭᠡᠷᠡᠴᠢᠯᠡᠯᠳᠡ ᠪᠠ ᠭᠦᠭᠵᠢᠯᠳᠡ ᠶᠢ | ᠵᠢᠯᠣᠭᠤᠳᠣᠨ᠎ᠠ︔ ᠳᠡᠮᠳᠡᠭᠳᠦ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ ᠳᠡᠮᠳᠡᠭᠳᠦ ᠶᠢᠨ | ᠬᠤᠭᠤᠴᠠᠭᠠᠳᠣ ᠪᠠᠷᠠᠭ᠎ᠠ ᠶᠢᠨ ᠪᠠᠶᠢᠭᠤᠯᠣᠮᠵᠢ᠂ ᠵᠠᠬ᠎ᠠ ᠳᠤ ᠭᠠᠷᠣᠭᠰᠠᠨ ᠺᠣᠮᠫᠠᠨᠢ ᠪᠠ ᠳᠡᠮᠳᠡᠭᠳᠦ ᠶᠢᠨ ᠦᠢᠯᠡᠰ ᠤᠨ | ᠬᠠᠮᠢᠶ᠎ᠠ ᠪᠦᠭᠦᠢ ᠵᠠᠭᠤᠴᠢ ᠪᠠᠶᠢᠭᠤᠯᠣᠮᠵᠢ ᠳᠤ ᠬᠢᠨᠠᠨ ᠬᠠᠮᠢᠶᠠᠷᠣᠯᠳᠠ ᠬᠢᠵᠦ᠂ ᠠᠶᠢᠮᠠᠭ ᠤᠨ ᠳᠣᠳᠣᠷᠠᠬᠢ ᠬᠠᠣᠯᠢ | ᠪᠣᠰᠣ ᠪᠠᠷ ᠳᠠᠷᠬᠠᠭᠠᠭᠰᠠᠨ ᠰᠲ᠋ᠣᠺ ᠪᠠ ᠬᠠᠣᠯᠢ ᠪᠣᠰᠣ ᠪᠠᠷ ᠳᠡᠮᠳᠡᠭᠳᠦ ᠶᠢ ᠡᠵᠡᠩᠨᠡᠭᠰᠡᠨ ᠠᠵᠢᠯᠯᠠᠭ᠎ᠠ ᠳᠤ ᠴᠣᠬᠢᠯᠳᠠ | ᠦᠭᠭᠦᠨ᠎ᠡ︔ ᠵᠠᠬ᠎ᠠ ᠳᠤ ᠭᠠᠷᠣᠭᠰᠠᠨ ᠪᠡᠯᠡᠳᠭᠡᠯ ᠠᠵᠦ ᠠᠬᠤᠶᠢᠯᠠᠯ ᠢ ᠪᠣᠶᠢᠵᠢᠭᠤᠯᠬᠤ ᠪᠠ ᠳᠡᠳᠭᠦᠭᠦ ᠳᠦᠷᠦ ᠶᠢᠨ | ᠪᠣᠳᠣᠯᠭ᠎ᠠ ᠠᠷᠭ᠎ᠠ ᠭᠡᠮᠵᠢᠶ᠎ᠠ ᠶᠢ ᠰᠣᠳᠣᠯᠣᠨ ᠳᠣᠭᠤᠷᠪᠢᠨᠠ︔ ᠠᠵᠦ ᠠᠬᠤᠶᠢᠯᠠᠯ ᠬᠢᠯᠢ ᠶᠢᠨ ᠳᠣᠳᠣᠷ᠎ᠠ ᠭᠠᠳᠠᠨ᠎ᠠ | ᠵᠠᠬ᠎ᠠ ᠳᠤ ᠭᠠᠷᠬᠤ ᠶᠢ ᠠᠬᠢᠭᠤᠯᠣᠨ᠂ ᠵᠠᠬ᠎ᠠ ᠳᠤ ᠭᠠᠷᠬᠤ ᠪᠠᠷ ᠳᠦᠰᠦᠪᠯᠡᠵᠦ ᠪᠦᠭᠦᠢ ᠠᠵᠦ ᠠᠬᠤᠶᠢᠯᠠᠯ ᠤᠨ | ᠳᠠᠷᠬᠠᠭᠠᠭᠰᠠᠨ ᠰᠲ᠋ᠣᠺ ᠲᠤ ᠠᠩᠬᠠᠨ ᠤ ᠬᠢᠨᠠᠯᠳᠠ ᠶᠢᠨ ᠰᠠᠨᠠᠯ ᠢᠶᠠᠨ ᠳᠣᠷᠠᠳᠣᠨ᠎ᠠ︔ ᠵᠠᠬ᠎ᠠ ᠳᠤ ᠭᠠᠷᠣᠭᠰᠠᠨ ᠺᠣᠮᠫᠠᠨᠢ | ᠶᠢ ᠵᠠᠯᠬᠢᠨ ᠬᠤᠳᠠᠯᠳᠣᠨ ᠠᠪᠴᠦ ᠨᠢᠭᠡᠳᠭᠡᠭᠦ ᠶᠢ ᠵᠢᠯᠣᠭᠤᠳᠣᠨ᠂ ᠵᠠᠬ᠎ᠠ ᠳᠤ ᠭᠠᠷᠣᠭᠰᠠᠨ ᠺᠣᠮᠫᠠᠨᠢ ᠶᠢᠨ ᠬᠠᠮᠢᠶ᠎ᠠ | ᠪᠦᠭᠦᠢ ᠳᠦᠭᠰᠢᠭᠦᠷᠢ ᠶᠢ ᠰᠢᠢᠳᠪᠦᠷᠢᠯᠡᠨ᠎ᠡ︔ ᠮᠠᠨ ᠤ ᠠᠶᠢᠮᠠᠭ ᠤᠨ ᠰᠲ᠋ᠣᠺ ᠶᠢᠨ ᠡᠷᠭᠡ ᠶᠢᠨ ᠪᠡᠯᠡ ᠣᠷᠣᠭᠤᠯᠬᠤ | ᠰᠠᠭᠤᠷᠢ ᠮᠦᠩᠭᠦ᠂ ᠠᠵᠦ ᠦᠢᠯᠡᠰ ᠤᠨ ᠪᠡᠯᠡ ᠣᠷᠣᠭᠤᠯᠬᠤ ᠰᠠᠭᠤᠷᠢ ᠮᠦᠩᠭᠦᠨ ᠤ ᠭᠦᠭᠵᠢᠯᠳᠡ ᠶᠢ ᠵᠢᠯᠣᠭᠤᠳᠣᠨ᠂ | ᠬᠠᠮᠢᠶ᠎ᠠ ᠪᠦᠭᠦᠢ ᠰᠠᠯᠠᠭ᠎ᠠ ᠮᠦᠴᠢᠷ ᠤᠨ ᠠᠳᠠᠯ ᠪᠣᠰᠬᠠᠬᠤ ᠪᠡᠯᠡ ᠣᠷᠣᠭᠤᠯᠣᠯᠳᠠ ᠶᠢᠨ ᠰᠠᠭᠤᠷᠢ ᠮᠦᠩᠭᠦ᠂ ᠠᠵᠦ | ᠠᠬᠤᠶᠢᠯᠠᠯ ᠤᠨ ᠵᠢᠭᠡᠯᠡᠯᠭᠡ ᠶᠢᠨ ᠳᠡᠮᠳᠡᠭ ᠢ ᠳᠠᠷᠬᠠᠭᠠᠬᠤ ᠵᠡᠷᠭᠡ ᠠᠵᠢᠯ ᠲᠠᠢ ᠬᠠᠮᠵᠢᠯᠴᠠᠨ᠎ᠠ᠃ | ︵ᠭᠤᠷᠪᠠ︶ ᠣᠷᠣᠨ ᠨᠣᠳᠤᠭ ᠤᠨ ᠮᠦᠩᠭᠦᠨ ᠭᠦᠢᠯᠭᠡᠭᠡᠨ ᠤ ᠰᠠᠯᠠᠭ᠎ᠠ | ᠪᠠᠭ᠎ᠠ ᠳᠣᠭᠠᠳᠣ ᠵᠢᠭᠡᠯᠡᠯᠭᠡ ᠶᠢᠨ ᠺᠣᠮᠫᠠᠨᠢ ᠶᠢᠨ ᠪᠠᠶᠢᠭᠤᠯᠣᠭᠳᠠᠬᠤ᠂ ᠬᠤᠪᠢᠷᠠᠬᠤ᠂ ᠵᠣᠭᠰᠣᠭᠠᠬᠤ᠂ | ᠳᠣᠬᠠᠶᠢᠯᠠᠭᠰᠠᠨ ᠠᠵᠢᠯ ᠤᠨ ᠭᠦᠷᠢᠶ᠎ᠡ ᠭᠡᠪᠴᠢᠶ᠎ᠠ ᠪᠣᠯᠣᠨ ᠰᠲ᠋ᠣᠺ ᠶᠢᠨ ᠡᠷᠭᠡ ᠶᠢᠨ ᠬᠤᠪᠢᠷᠠᠯᠳᠠ ᠵᠡᠷᠭᠡ ᠭᠡᠷᠡᠭ ᠤᠳ | ᠲᠤ ᠠᠩᠬᠠᠨ ᠤ ᠬᠢᠨᠠᠯᠳᠠ ᠬᠢᠭᠦ ᠶᠢ ᠬᠠᠷᠢᠭᠤᠴᠠᠨ᠎ᠠ︔ ᠪᠠᠭ᠎ᠠ ᠳᠣᠭᠠᠳᠣ ᠵᠢᠭᠡᠯᠡᠯᠭᠡ ᠶᠢᠨ ᠺᠣᠮᠫᠠᠨᠢ ᠳᠤ ᠠᠬᠤᠢ | ᠳᠠᠯᠠᠪᠠᠢ ᠳᠤ ᠨᠢ ᠪᠠᠶᠢᠴᠠᠭᠠᠬᠤ ᠪᠠ ᠠᠬᠤᠢ ᠳᠠᠯᠠᠪᠠᠢ ᠶᠢᠨ ᠪᠣᠰᠣ ᠬᠢᠨᠠᠨ ᠡᠵᠡᠮᠰᠢᠯ ᠬᠢᠨ᠎ᠡ︔ ᠪᠠᠭ᠎ᠠ ᠳᠣᠭᠠᠳᠣ | ᠵᠢᠭᠡᠯᠡᠯᠭᠡ ᠶᠢᠨ ᠺᠣᠮᠫᠠᠨᠢ ᠶᠢᠨ ᠳᠣᠬᠠᠶᠢᠯᠠᠭᠰᠠᠨ ᠠᠵᠢᠯ ᠤᠨ ᠪᠦᠷᠢᠳᠭᠡᠯ ᠵᠠᠳᠠᠯᠣᠯᠳᠠ ᠶᠢ ᠬᠠᠷᠢᠭᠤᠴᠠᠨ᠎ᠠ︔ | ᠦᠪᠡᠷᠳᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠯᠪᠠᠨ ᠭᠡᠷ ᠲᠤ ᠬᠠᠮᠵᠢᠯᠴᠠᠨ ᠪᠠᠭ᠎ᠠ ᠳᠣᠭᠠᠳᠣ | ᠵᠢᠭᠡᠯᠡᠯᠭᠡ ᠶᠢᠨ ᠺᠣᠮᠫᠠᠨᠢ ᠶᠢᠨ ᠬᠠᠮᠢᠶ᠎ᠠ ᠪᠦᠭᠦᠢ ᠳᠦᠭᠰᠢᠭᠦᠷᠢ ᠶᠢ ᠰᠢᠢᠳᠪᠦᠷᠢᠯᠡᠨ᠎ᠡ︔ ᠪᠦᠭᠦ ᠠᠶᠢᠮᠠᠭ ᠤᠨ ᠪᠡᠯᠡ | ᠴᠣᠭᠯᠠᠭᠤᠯᠬᠤ ᠴᠢᠨᠠᠷᠳᠠᠢ ᠳᠠᠭᠠᠭᠠᠴᠢᠯᠠᠬᠤ ᠪᠠᠶᠢᠭᠤᠯᠣᠮᠵᠢ ᠶᠢ ᠪᠠᠶᠢᠭᠤᠯᠬᠤ ᠪᠠ ᠬᠤᠪᠢᠷᠠᠭᠤᠯᠬᠤ ᠶᠢ ᠠᠩᠬ᠎ᠠ ᠬᠢᠨᠠᠬᠤ᠂ | ᠳᠣᠬᠠᠶᠢᠯᠠᠭᠰᠠᠨ ᠠᠵᠢᠯ ᠢ ᠬᠢᠨᠠᠨ ᠬᠠᠮᠢᠶᠠᠷᠬᠤ᠂ ᠨᠢᠭᠡᠳᠦᠭᠦᠯᠭᠦ ᠪᠠ ᠬᠠᠭᠠᠬᠤ ᠵᠡᠷᠭᠡ ᠬᠠᠮᠢᠶᠠᠷᠣᠯᠳᠠ ᠶᠢᠨ ᠠᠵᠢᠯ ᠢ | ᠬᠠᠷᠢᠭᠤᠴᠠᠨ᠎ᠠ᠃ | ᠭᠤᠷᠪᠠ᠂ ᠠᠵᠢᠯᠳᠠᠨ ᠤ ᠣᠷᠣᠨ ᠳᠤᠭ᠎ᠠ | ᠰᠢᠯᠢ ᠶᠢᠨ ᠭᠤᠣᠯ ᠠᠶᠢᠮᠠᠭ ᠤᠨ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠤᠨ ᠪᠠᠶᠢᠭᠤᠯᠭ᠎ᠠ ᠶᠢᠨ | ᠵᠠᠰᠠᠭ ᠵᠠᠬᠢᠷᠭᠠᠨ ᠤ ᠣᠷᠣᠨ ᠳᠤᠭ᠎ᠠ 6 ᠨᠡᠷ᠎ᠡ᠂ ᠡᠭᠦᠨ ᠳᠤ᠄ ᠡᠷᠭᠢᠯᠡᠭᠴᠢ 1 ᠨᠡᠷ᠎ᠡ᠂ ᠳᠡᠳ᠋ ᠡᠷᠬᠢᠯᠡᠭᠴᠢ 2 ᠨᠡᠷ᠎ᠡ᠂ | ᠰᠠᠯᠠᠭᠠᠨ ᠳᠡᠰ ᠤᠨ ᠣᠳᠣᠷᠢᠳᠬᠤ ᠳᠣᠰᠢᠶᠠᠯ ᠤᠨ ᠳᠤᠭ᠎ᠠ 3 ᠨᠡᠷ᠎ᠡ᠃ ᠬᠠᠷᠭᠤᠭᠤᠯᠣᠨ ᠳᠣᠭᠳᠠᠭᠠᠭᠰᠠᠨ | ᠦᠢᠯᠡᠴᠢᠯᠡᠭᠡᠨ ᠤ ᠠᠵᠢᠯᠳᠠᠨ ᠤ ᠣᠷᠣᠨ ᠳᠤᠭ᠎ᠠ 1 ᠨᠡᠷ᠎ᠡ᠃ |