ᠨᠢᠭᠡ᠂ ᠥᠡᠲᠤᠰᠤᠨ ᠪᠠᠶᠢᠲᠠᠯ | ︵ᠨᠢᠭᠡ︶ ᠭᠤᠤᠯ ᠡᠭᠦᠷᠭᠡ ᠬᠠᠷᠢᠭᠤᠴᠠᠯᠭ᠎ᠠ | ᠪᠥᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠤᠰᠤᠨ ᠤ ᠬᠠᠤᠯᠢ︾ ᠵᠠᠷᠭᠡ ᠤᠰᠤᠨ ᠠᠰᠢᠭᠯᠠᠯᠲᠠ | ᠶᠢᠨ ᠬᠠᠤᠯᠢ ᠲᠥᠷᠢᠮ ᠢ ᠲᠤᠤᠱᠯᠠᠭᠤᠯᠤᠨ ᠭᠡᠷᠡᠭᠵᠢᠭᠦᠯᠤᠨ᠎ᠠ︔ ᠪᠥᠭᠦ ᠠᠶᠢᠮᠠᠭ ᠤᠨ ᠵᠢᠵᠢᠭ ᠬᠤᠲᠠ ᠪᠠᠯᠭᠠᠰᠤ | ᠪᠤᠯᠤᠨ ᠲᠠᠷᠢᠶᠠᠯᠠᠬᠤ ᠮᠠᠯᠵᠢᠬᠤ ᠤᠷᠤᠨ ᠤ ᠤᠰᠤ ᠶᠢ ᠬᠠᠨᠭ᠍ᠭᠠᠬᠤ ᠵᠢᠴᠢ ᠤᠰᠤ ᠥᠭᠡᠷᠠᠴᠢᠯᠠᠭᠦ ᠠᠵᠢᠯ ᠢ | ᠬᠠᠷᠢᠭᠤᠴᠠᠨ᠎ᠠ︔ ᠤᠰᠤᠨ ᠤ ᠡᠭᠢ ᠪᠠᠶᠠᠯᠢᠭ ᠢ ᠨᠢᠭᠡᠲᠤᠯᠲᠠᠢ ᠬᠠᠮᠢᠶᠠᠷᠴᠤ᠂ ᠵᠤᠭᠢᠶᠠᠨ ᠪᠠᠶᠢᠭᠤᠯᠵᠤ᠂ ᠵᠢᠯᠤᠭᠤᠳᠬᠤ | ᠪᠤᠯᠤᠨ ᠤᠰᠤ ᠶᠢ ᠠᠷᠪᠢᠯᠠᠬᠤ ᠠᠵᠢᠯ ᠳᠤ ᠭᠢᠨᠠᠯᠲᠠ ᠲᠠᠯᠪᠢᠨ᠎ᠠ︔ ᠤᠰᠤ ᠵᠠᠷᠤᠬᠤ ᠶᠢ ᠵᠥᠪᠰᠢᠶᠠᠷᠠᠭᠦ ᠲᠥᠷᠢᠮ | ᠪᠤᠯᠤᠨ ᠤᠰᠤᠨ ᠤ ᠡᠭᠢ ᠪᠠᠶᠠᠯᠢᠭ ᠤᠨ ᠰᠤᠶᠢᠳᠭᠡᠯ ᠢ ᠬᠤᠷᠢᠶᠠᠵᠤ᠂ ᠭᠤᠤᠯ ᠮᠥᠷᠠᠨ ᠠᠴᠠ ᠡᠯᠠᠰᠤ ᠮᠠᠯᠲᠠᠬᠤ ᠶᠢ | ᠬᠠᠮᠢᠶᠠᠷᠬᠤ ᠠᠵᠢᠯ ᠢ ᠵᠤᠭᠢᠶᠠᠨ ᠪᠠᠶᠢᠭᠤᠯᠤᠨ ᠭᠡᠷᠡᠭᠵᠢᠭᠦᠯᠤᠨ᠎ᠠ︔ ᠤᠰᠤᠨ ᠠᠰᠢᠭᠯᠠᠯᠲᠠ ᠶᠢᠨ ᠰᠢᠨ᠎ᠠ ᠮᠠᠷᠭᠡᠵᠢᠯ | ᠵᠢᠴᠢ ᠮᠠᠷᠭᠡᠵᠢᠯ ᠢ ᠤᠷᠤᠭᠤᠯᠬᠤ ᠪᠤᠯᠤᠨ ᠲᠥᠭᠡᠮᠠᠯᠵᠢᠭᠦᠯᠭᠦ ᠠᠵᠢᠯ ᠢ ᠬᠠᠷᠢᠭᠤᠴᠠᠵᠤ᠂ ᠤᠰᠤᠨ ᠠᠰᠢᠭᠯᠠᠯᠲᠠ ᠶᠢᠨ | ᠰᠢᠰᠲ᠋ᠧᠮ ᠤᠨ ᠠᠵᠢᠯ ᠤᠨ ᠪᠠᠶᠢᠷᠢᠨ ᠲᠠᠭᠡᠷᠠᠭᠢ ᠪᠤᠯᠪᠠᠰᠤᠷᠠᠯ ᠪᠤᠯᠤᠨ ᠨᠠᠰᠤᠨ ᠳᠤ ᠭᠥᠷᠥᠭᠰᠠᠳ ᠤᠨ ᠰᠤᠷᠭᠠᠨ | ᠭᠥᠮᠤᠵᠢᠯ ᠵᠢᠴᠢ ᠲᠤᠬᠠᠶᠢᠯᠠᠭᠰᠠᠨ ᠠᠵᠢᠯ ᠮᠠᠷᠭᠡᠵᠢᠯ ᠤᠨ ᠪᠤᠯᠪᠠᠰᠤᠷᠠᠯ᠂ ᠲᠠᠷᠢᠶᠠᠯᠠᠬᠤ ᠮᠠᠯᠵᠢᠬᠤ ᠤᠷᠤᠨ ᠤ ᠤᠰᠤᠨ | ᠠᠰᠢᠭᠯᠠᠯᠲᠠ ᠶᠢᠨ ᠰᠢᠡᠵᠢᠯᠡᠭᠡ ᠮᠠᠷᠭᠡᠵᠢᠯ ᠤᠨ ᠪᠤᠯᠪᠠᠰᠤᠷᠠᠯ ᠤᠨ ᠠᠵᠢᠯ ᠢ ᠰᠠᠶᠢᠲᠤᠷ ᠭᠢᠨ᠎ᠠ︔ ᠪᠥᠭᠦ ᠠᠶᠢᠮᠠᠭ ᠤᠨ | ᠥᠶᠠᠷ ᠠᠴᠠ ᠰᠠᠷᠭᠡᠶᠢᠯᠠᠵᠤ᠂ ᠭᠠᠨᠭ᠌ ᠭᠠᠴᠢᠭ ᠲᠠᠢ ᠲᠠᠮᠠᠴᠠᠭᠦ ᠵᠢᠯᠤᠭᠤᠳᠬᠤ ᠭᠠᠵᠠᠷ ᠤᠨ ᠡᠲᠤᠷ ᠲᠤᠲᠤᠮ ᠤᠨ | ᠠᠵᠢᠯ ᠢ ᠡᠭᠦᠷᠭᠡᠯᠠᠨᠠ︔ ᠪᠥᠭᠦ ᠠᠶᠢᠮᠠᠭ ᠤᠨ ᠤᠰᠤᠨ ᠭᠠᠷᠤᠯᠲᠠ᠂ ᠵᠢᠭᠠᠰᠤᠨ ᠠᠵᠤ ᠠᠬᠤᠢ ᠶᠢᠨ ᠠᠵᠢᠯ ᠢ | ᠬᠠᠷᠢᠭᠤᠴᠠᠨ᠎ᠡ︔ ᠪᠥᠭᠦ ᠠᠶᠢᠮᠠᠭ ᠤᠨ ᠲᠠᠷᠢᠶᠠᠨ ᠭᠠᠵᠠᠷ᠂ ᠨᠤᠲᠤᠭ ᠪᠠᠯᠴᠢᠭᠡᠷ ᠤᠨ ᠤᠰᠤᠨ ᠠᠰᠢᠭᠯᠠᠯᠲᠠ ᠶᠢᠨ | ᠪᠥᠲᠤᠭᠡᠨ ᠪᠠᠶᠢᠭᠤᠯᠤᠯᠲᠠ ᠪᠤᠯᠤᠨ ᠭᠥᠷᠤᠰᠤ ᠰᠢᠷᠤᠢ᠂ ᠠᠮᠢ ᠠᠬᠤᠢ ᠶᠢᠨ ᠪᠥᠲᠤᠭᠡᠨ ᠪᠠᠶᠢᠭᠤᠯᠤᠯᠲᠠ ᠵᠢᠴᠢ | ᠭᠥᠷᠤᠰᠤ ᠰᠢᠷᠤᠢ ᠶᠢᠨ ᠢᠲᠡᠭᠲᠠᠯ ᠢ ᠭᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠡᠭᠦᠡᠴᠠ ᠭᠠᠳᠠᠨ᠎ᠡ ᠤᠰᠤᠨ | ᠠᠰᠢᠭᠯᠠᠯᠲᠠ ᠶᠢᠨ ᠪᠠᠷᠢᠯᠭ᠎ᠠ ᠪᠤᠯᠤᠨ ᠤᠰᠤᠨ ᠴᠠᠭᠢᠯᠭᠠᠨ ᠥᠷᠲᠠᠭᠡᠨ ᠤ ᠪᠥᠲᠤᠭᠡᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ︔ ᠪᠥᠭᠦ ᠠᠶᠢᠮᠠᠭ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ︔ ᠤᠰᠤᠨ ᠠᠰᠢᠭᠯᠠᠯᠲᠠ ᠶᠢᠨ ᠲᠤᠪᠴᠢᠶᠠᠨ ᠤ ᠰᠢᠰᠲ᠋ᠧᠮ ᠤᠨ ᠠᠵᠢᠯᠲᠠᠨ ᠤ ᠶᠠᠪᠤᠲᠠᠯ᠂ | ᠭᠥᠲᠠᠯᠮᠤᠷᠢ᠂ ᠴᠡᠯᠢᠩ ᠭᠥᠯᠤᠰᠤ ᠪᠤᠯᠤᠨ ᠪᠠᠶᠢᠭᠤᠯᠤᠮᠵᠢ ᠶᠢᠨ ᠤᠷᠤᠨ ᠲᠤᠭ᠎ᠠ ᠶᠢ ᠬᠠᠮᠢᠶᠠᠷᠬᠤ ᠠᠵᠢᠯ ᠢ | ᠬᠠᠷᠢᠭᠤᠴᠠᠨ᠎ᠠ︔ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠤᠯᠤᠨ ᠲᠠᠭᠡᠲᠤ ᠱᠠᠲᠤᠨ ᠤ ᠰᠠᠯᠠᠭ᠎ᠠ | ᠮᠥᠴᠢᠷ ᠠᠴᠠ ᠳᠠᠭᠠᠭᠠᠯᠭᠠᠭᠰᠠᠨ ᠪᠤᠰᠤᠳ ᠠᠵᠢᠯ ᠡᠭᠦᠷᠭᠡ ᠶᠢ ᠬᠠᠷᠢᠭᠤᠴᠠᠨ ᠪᠠᠶᠠᠯᠠᠭᠦᠯᠤᠨ᠎ᠠ᠃ | ︵ᠬᠤᠶᠠᠷ︶ ᠪᠠᠶᠢᠭᠤᠯᠤᠮᠵᠢ ᠶᠢᠨ ᠠᠵᠢᠯᠲᠠᠨ ᠤ ᠪᠠᠶᠢᠷᠢᠯᠠᠭᠤᠯᠤᠯᠲᠠ | 1. ᠪᠠᠶᠢᠭᠤᠯᠤᠮᠵᠢ ᠶᠢᠨ ᠠᠵᠢᠯᠲᠠᠨ ᠤ ᠪᠠᠶᠢᠲᠠᠯ | 2010 ᠤᠨ ᠤ ᠪᠠᠶᠢᠭᠤᠯᠤᠮᠵᠢ ᠶᠢᠨ ᠥᠭᠡᠷᠠᠴᠢᠯᠠᠯᠲᠠ ᠪᠠᠷ ᠲᠠᠮᠵᠢᠭᠠᠳ ᠮᠠᠨ ᠤ ᠲᠤᠪᠴᠢᠶᠠᠨ ᠳᠤ ᠵᠠᠰᠠᠭ | ᠵᠠᠭᠢᠷᠭᠠᠨ ᠤ ᠤᠷᠤᠨ ᠲᠤᠭ᠎ᠠ 17 ᠨᠠᠷᠠ᠂ ᠠᠵᠢᠯᠴᠢᠨ ᠤ ᠤᠷᠤᠨ ᠲᠤᠭ᠎ᠠ 2 ᠨᠠᠷᠠ ᠲᠤᠭᠢᠷᠠᠭᠤᠯᠤᠭᠰᠠᠨ ᠶᠤᠮ᠃ | ᠤᠲᠤᠬᠠᠨ ᠳᠤ ᠪᠠᠶᠢᠭ᠎ᠠ ᠨᠢ 19 ᠨᠠᠷᠠ ᠪᠠᠶᠢᠨ᠎ᠠ᠃ ᠪᠠᠶᠢᠭᠤᠯᠭ᠎ᠠ ᠳᠠᠭᠠᠨ 10 ᠰᠠᠠᠯᠭᠠ ᠲᠠᠢ᠃ ᠲᠠᠷᠤᠢ᠄ | ᠠᠯᠪᠠᠨ ᠭᠡᠷ᠂ ᠠᠵᠢᠯᠲᠠᠨ᠂ ᠰᠤᠷᠭᠠᠨ ᠭᠥᠮᠤᠵᠢᠯ ᠤᠨ ᠰᠠᠯᠠᠭ᠎ᠠ᠂ ᠲᠥᠯᠤᠪᠯᠡᠭᠡ ᠡᠳ᠋ ᠤᠨ ᠶᠠᠪᠤᠲᠠᠯ ᠤᠨ ᠰᠠᠯᠠᠭ᠎ᠠ | ᠂ ᠲᠥᠷᠤᠯ ᠵᠤᠶᠢᠯ ᠢ ᠭᠢᠨᠠᠨ ᠦᠨᠡᠯᠡᠬᠦ ᠲᠥᠪ᠂ ᠪᠥᠲᠤᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ᠂ | ᠲᠠᠷᠢᠶᠠᠯᠠᠩ᠂ ᠮᠠᠯ ᠠᠵᠤ ᠠᠬᠤᠢ᠂ ᠭᠥᠷᠤᠰᠤ ᠰᠢᠷᠤᠢ ᠶᠢ ᠬᠠᠮᠠᠭᠠᠯᠠᠬᠤ ᠰᠠᠯᠠᠭ᠎ᠠ᠂ ᠤᠰᠤᠨ ᠤ ᠶᠠᠪᠤᠳᠠᠯ᠂ | ᠤᠰᠤᠨ ᠤ ᠡᠭᠢ ᠰᠤᠷᠪᠤᠯᠵᠢ ᠶᠢᠨ ᠰᠠᠯᠠᠭ᠎ᠠ᠂ ᠤᠰᠤᠳᠤᠯ ᠠᠴᠠ ᠰᠠᠷᠭᠡᠶᠢᠯᠠᠵᠤ ᠭᠠᠨᠭ᠌ ᠬᠠᠭᠰᠠᠷᠭᠠᠨ ᠲᠠᠢ ᠲᠠᠮᠠᠴᠠᠭᠦ | ᠠᠯᠪᠠᠨ ᠭᠡᠷ᠂ ᠵᠠᠰᠠᠭ ᠵᠠᠭᠢᠷᠭᠠᠨ ᠤ ᠭᠢᠨᠠᠨ ᠵᠥᠪᠰᠢᠶᠠᠷᠠᠭᠦ ᠰᠠᠯᠠᠭ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠵᠠᠷᠭᠡ | ᠪᠠᠶᠢᠨ᠎ᠠ᠃ ᠲᠠᠭᠦᠨ ᠤ ᠲᠤᠤᠷ᠎ᠠ ᠨᠢ ᠲᠠᠳ᠋ ᠱᠠᠲᠤᠨ ᠤ ᠰᠠᠯᠠᠭ᠎ᠠ 7 ᠪᠠᠶᠢᠨ᠎ᠠ᠃ ᠲᠠᠷᠤᠢ ᠤᠰᠤᠨ ᠠᠰᠢᠭᠯᠠᠯᠲᠠ ᠶᠢᠨ | ᠬᠠᠶᠢᠨ ᠪᠠᠶᠢᠴᠠᠭᠠᠵᠤ ᠲᠥᠯᠤᠪᠯᠠᠭᠦ ᠠᠩᠭᠢ᠂ ᠭᠥᠷᠤᠰᠤ ᠰᠢᠷᠤᠢ ᠶᠢ ᠬᠠᠮᠠᠭᠠᠯᠠᠬᠤ ᠠᠵᠢᠯ ᠤᠨ ᠥᠷᠲᠡᠭᠡ᠂ ᠤᠯᠠᠭᠠᠢ | ᠤᠰᠤᠨ ᠴᠦᠬᠦᠷᠤᠮ ᠤᠨ ᠬᠠᠮᠢᠶᠠᠷᠤᠯᠲᠠ ᠶᠢᠨ ᠳᠤᠪᠴᠢᠶ᠎ᠡ ᠂ ᠤᠰᠤᠨ ᠭᠠᠷᠤᠯᠲᠠ ᠶᠢ ᠬᠠᠮᠢᠶᠠᠷᠬᠤ ᠥᠷᠲᠡᠭᠡ | ᠂ ᠤᠰᠤᠨ ᠶᠠᠪᠤᠲᠠᠯ ᠤᠨ ᠭᠢᠨᠠᠨ ᠪᠠᠶᠢᠴᠠᠭᠠᠬᠤ ᠰᠠᠯᠪᠤᠷᠢ ᠠᠩᠭᠢ᠂ ᠬᠠᠶᠢᠨ ᠪᠠᠶᠢᠴᠠᠭᠠᠵᠤ ᠬᠤᠳᠲᠤᠭ ᠮᠠᠯᠲᠠᠬᠤ | ᠠᠩᠭᠢ᠂ ᠤᠰᠤᠨ ᠠᠰᠢᠭᠯᠠᠯᠲᠠ ᠶᠢᠨ ᠮᠠᠰᠢᠨᠠᠴᠢᠯᠠᠯᠲᠠ ᠶᠢᠨ ᠰᠠᠯᠪᠢᠨ ᠵᠠᠰᠠᠬᠤ ᠤᠶᠢᠯᠠᠳᠪᠤᠷᠢ ᠵᠠᠷᠭᠡ ᠪᠤᠯᠤᠨ᠎ᠡ᠃ | ᠠᠶᠢᠮᠠᠭ ᠤᠨ ᠬᠠᠷᠢᠶ᠎ᠠ ᠤᠰᠤᠨ ᠠᠰᠢᠭᠯᠠᠯᠲᠠ ᠶᠢᠨ ᠰᠢᠰᠲ᠋ᠧᠮ ᠳᠤ ᠤᠲᠤ ᠪᠠᠶᠢᠭ᠎ᠠ ᠠᠵᠢᠯᠲᠠᠳ 242 ᠨᠠᠷᠠ | ᠪᠠᠶᠢᠨ᠎ᠠ᠃ ᠡᠭᠦᠡᠲᠤ ᠡᠷᠡᠭᠲᠠᠢ ᠠᠵᠢᠯᠲᠠᠨ 180 ᠨᠠᠷᠠ᠂ ᠡᠮᠡᠭᠲᠠᠢ ᠠᠵᠢᠯᠲᠠᠨ 62 ᠨᠠᠷᠠ︔ ᠶᠡᠭᠡ ᠰᠤᠷᠭᠠᠭᠤᠯᠢ | ᠶᠢᠨ ᠵᠢᠩᠭᠢᠨᠢ ᠠᠩᠭᠢ ᠠᠴᠠ ᠲᠠᠭᠡᠭᠰᠢ ᠰᠤᠶᠤᠯ ᠲᠠᠢ ᠭᠥᠮᠤᠨ 101 ᠨᠠᠷᠠ᠂ ᠳᠤᠰᠬᠠᠢ ᠮᠠᠷᠭᠡᠵᠢᠯ ᠤᠨ | ᠳᠡᠭᠡᠳᠤ ᠰᠤᠷᠭᠠᠭᠤᠯᠢ ᠠᠴᠠ ᠲᠤᠷᠤᠭᠰᠢ ᠰᠤᠶᠤᠯ ᠤᠨ ᠭᠡᠮᠵᠢᠶ᠎ᠠ ᠲᠠᠢ ᠭᠥᠮᠤᠨ 141 ᠨᠠᠷᠠ︔ ᠲᠤᠰᠬᠠᠢ | ᠮᠡᠷᠬᠡᠵᠢᠯᠳᠠᠨ 80 ᠨᠠᠷᠠ ︵ᠡᠭᠦᠡᠲᠤ ᠥᠡᠲᠤᠷ ᠵᠠᠷᠭᠡ ᠶᠢᠨ ᠮᠠᠷᠭᠡᠵᠢᠯ ᠤᠨ ᠴᠤᠯᠠ ᠲᠠᠢ ᠭᠥᠮᠤᠨ 33 ᠭᠥᠮᠤᠨ᠂ | ᠲᠤᠮᠲᠠᠲᠤ ᠵᠠᠷᠭᠡ ᠶᠢᠨ ᠮᠠᠷᠭᠡᠵᠢᠯ ᠤᠨ ᠴᠤᠯᠠ ᠲᠠᠢ ᠭᠥᠮᠤᠨ 26 ᠭᠥᠮᠤᠨ᠂ ᠠᠩᠬ᠎ᠠ ᠵᠠᠷᠭᠡ ᠶᠢᠨ ᠮᠠᠷᠭᠡᠵᠢᠯ ᠤᠨ | ᠴᠤᠯᠠ ᠲᠠᠢ 21 ᠭᠥᠮᠤᠨ︶ ᠠᠵᠢᠯᠴᠢᠨ 116 ᠭᠥᠮᠤᠨ᠂ ᠡᠭᠦᠡᠴᠠ ᠪᠤᠰᠤᠳ 46 ᠭᠥᠮᠤᠨ᠂ ᠨᠠᠮ ᠤᠨ ᠭᠡᠰᠢᠭᠦᠨ | 92 ᠭᠥᠮᠤᠨ ᠪᠠᠶᠢᠨ᠎ᠠ᠃ | ᠬᠤᠶᠠᠷ᠂ ᠠᠵᠢᠯ ᠤᠨ ᠠᠮᠵᠢᠯᠲᠠ | ᠤᠲᠤᠬᠠᠨ ᠪᠤᠯᠲᠠᠯ᠎ᠠ᠂ ᠪᠥᠭᠦ ᠠᠶᠢᠮᠠᠭ ᠲᠤ ᠡᠯ᠎ᠠ ᠲᠥᠷᠤᠯ ᠤᠨ ᠤᠰᠤᠨ ᠴᠦᠬᠦᠷᠤᠮ 37 ᠰᠠᠭᠤᠷᠢ | ᠪᠠᠶᠢᠭᠤᠯᠵᠤ᠂ ᠡᠭᠦᠨ ᠤ ᠲᠤᠲᠤᠷ᠎ᠠ ᠲᠤᠮᠤ ᠭᠡᠮᠵᠢᠶᠠᠨ ᠤ ᠤᠰᠤᠨ ᠴᠦᠬᠦᠷᠤᠮ 2 ᠰᠠᠭᠤᠷᠢ᠂ ᠲᠤᠮᠲᠠ ᠵᠠᠷᠭᠡ | ᠶᠢᠨ ᠤᠰᠤᠨ ᠴᠥᠬᠦᠷᠤᠮ 5 ᠰᠠᠭᠤᠷᠢ᠂ ᠪᠠᠭ᠎ᠠ ᠭᠡᠪᠴᠢᠶᠠᠨ ᠤ ᠤᠰᠤᠨ ᠴᠦᠬᠦᠷᠤᠮ 30 ᠰᠠᠭᠤᠷᠢ ᠪᠠᠶᠢᠵᠤ | ᠤᠰᠤᠨ ᠤ ᠶᠠᠷᠤᠩᠭᠡᠢ ᠪᠠᠭᠲᠠᠭᠠᠮᠵᠢ 5.63 ᠳ᠋ᠥᠡᠭᠰᠢᠭᠤᠷ ᠺᠥᠪ ᠮᠧᠲᠷ ᠪᠠᠶᠢᠨ᠎ᠠ︔ ᠭᠤᠤᠷᠰᠤ ᠪᠠᠷ ᠤᠰᠤ | ᠬᠠᠨᠭ᠍ᠭᠠᠬᠤ ᠪᠠᠷᠢᠯᠭ᠎ᠠ 804 ᠰᠠᠭᠤᠷᠢ ᠪᠠᠶᠢᠵᠤ᠂ ᠭᠤᠤᠷᠰᠤᠨ ᠤ ᠤᠷᠳᠤ ᠨᠢ 3400 ᠺᠢᠯᠤᠮᠧᠲᠷ ᠪᠠᠶᠢᠨ᠎ᠠ︔ | ᠡᠯ᠎ᠠ ᠲᠥᠷᠤᠯ ᠤᠨ ᠤᠰᠤᠨ ᠬᠤᠳᠲᠤᠭ 73020 ᠪᠠᠶᠢᠵᠤ᠂ ᠡᠭᠦᠡᠲᠤ ᠲᠤᠮᠤ ᠬᠡᠪᠴᠢᠶᠠᠨ ᠤ ᠮᠠᠰᠢᠨ | ᠬᠤᠳᠲᠤᠭ 24180᠂ ᠪᠠᠭ᠎ᠠ ᠭᠡᠪᠴᠢᠶᠠᠨ ᠤ ᠮᠠᠰᠢᠨ ᠬᠤᠳᠲᠤᠭ 48890 ᠪᠠᠶᠢᠨ᠎ᠠ︔ ᠪᠠᠭ᠎ᠠ ᠭᠡᠪᠴᠢᠶᠠᠨ ᠤ | ᠤᠰᠤᠨ ᠴᠠᠭᠢᠯᠭᠠᠨ ᠥᠷᠲᠡᠭᠡ 3 ᠰᠠᠭᠤᠷᠢ ᠪᠠᠶᠢᠵᠤ 4710 ᠺᠢᠯᠤᠸᠠᠲ ᠴᠠᠭᠢᠯᠭᠠᠨ ᠠᠭᠤᠯᠤᠭᠲᠠᠵᠤ᠂ ᠵᠢᠯ ᠳᠤ | 800 ᠳᠦᠮᠡᠨ ᠭᠷᠠᠲᠦ᠋ᠰ ᠴᠠᠭᠢᠯᠭᠠᠨ ᠭᠠᠷᠭᠠᠵᠤ ᠲᠠᠶᠢᠯᠤᠨ᠎ᠠ︔ ᠬᠤᠲᠠ ᠪᠠᠯᠭᠠᠰᠤᠨ ᠤ ᠥᠶᠠᠷ ᠠᠴᠠ ᠰᠠᠷᠭᠡᠶᠢᠯᠠᠭᠦ | ᠬᠠᠰᠢᠯᠭ᠎ᠠ 27 ᠪᠠᠶᠢᠵᠤ ᠪᠥᠭᠦ ᠤᠷᠲᠤ ᠨᠢ 130 ᠺᠢᠯᠤᠮᠧᠲᠷ ᠬᠦᠷᠴᠤ᠂ 36 ᠲᠥᠮᠠᠨ ᠭᠥᠮᠤᠨ ᠠᠮᠠ ᠶᠢᠨ | ᠠᠮᠤᠷ ᠲᠥᠪᠰᠢᠨ ᠢ ᠬᠠᠮᠠᠭᠠᠯᠠᠵᠤ ᠪᠠᠶᠢᠨ᠎ᠠ︔ ᠲᠠᠷᠢᠶᠠᠯᠠᠬᠤ ᠤᠷᠤᠨ ᠤ ᠤᠰᠤᠵᠢᠭᠤᠯᠤᠯᠲᠠ ᠶᠢᠨ ᠲᠠᠯᠠᠪᠠᠢ 50.89 | ᠲᠥᠮᠠᠨ ᠮᠤ᠋ ᠪᠠᠶᠢᠵᠤ᠂ ᠮᠠᠯᠵᠢᠬᠤ ᠤᠷᠤᠨ ᠤ ᠡᠪᠠᠰᠤ ᠪᠤᠷᠲᠤᠭᠤᠷ ᠤᠨ ᠤᠰᠤᠵᠢᠭᠤᠯᠤᠯᠲᠠ ᠶᠢᠨ ᠲᠠᠯᠠᠪᠠᠢ 65.78 | ᠲᠥᠮᠠᠨ ᠮᠤ᠋ ᠳᠤ ᠭᠥᠷᠴᠤ ᠪᠠᠶᠢᠨ᠎ᠠ︔ 45 ᠲᠥᠮᠠᠨ ᠭᠥᠮᠤᠨ ᠠᠮᠠ ᠪᠤᠯᠤᠨ 573 ᠳᠦᠮᠡᠨ ᠲᠤᠯᠤᠭᠠᠢ ᠮᠠᠯ | ᠤᠨ ᠤᠰᠤ ᠤᠮᠲᠠᠭᠠᠨ ᠤ ᠠᠰᠠᠭᠤᠲᠠᠯ ᠢ ᠰᠢᠢᠳᠪᠤᠷᠢᠯᠠᠵᠤ᠂ 3477.7 km2 ᠲᠠᠯᠠᠪᠠᠢ ᠶᠢᠨ ᠭᠥᠷᠤᠰᠤ ᠰᠢᠷᠤᠢ | ᠶᠢᠨ ᠢᠲᠡᠭᠲᠠᠯ ᠢ ᠵᠠᠰᠠᠨ ᠰᠠᠶᠢᠵᠢᠷᠠᠭᠤᠯᠤᠭᠰᠠᠨ ᠪᠠᠶᠢᠨ᠎ᠠ᠃ | ᠭᠤᠷᠪᠠ᠂ ᠲᠠᠷᠠᠭ᠎ᠠ ᠠᠯᠬᠤᠮ ᠤᠨ ᠠᠵᠢᠯ ᠤᠨ ᠰᠠᠳᠭᠢᠮᠵᠢ ᠪᠤᠯᠤᠨ ᠬᠠᠷᠠᠯᠲᠠ | ︵ ᠨᠢᠭᠡ︶ ᠠᠵᠢᠯ ᠤᠨ ᠰᠠᠳᠭᠢᠮᠵᠢ | ᠰᠢ ᠶᠢᠨ ᠫᠢᠡᠭ ᠶᠠᠷᠤᠩᠭᠡᠢ ᠱᠥᠵᠢ ᠶᠢᠨ ᠲᠤᠷᠠᠲᠤᠭᠰᠠᠨ ᠤᠰᠤ ᠶᠢ ᠵᠠᠰᠠᠬᠤ ᠴᠢᠭᠯᠡᠯᠲᠠ ᠪᠤᠯᠤᠨ ︽ᠲᠠᠪᠤᠨ ᠶᠡᠭᠡ | ᠭᠥᠭᠵᠢᠯᠲᠠ ᠶᠢᠨ ᠪᠤᠲᠤᠯᠭ᠎ᠠ︾ ᠶᠢ ᠭᠥᠨ ᠭᠥᠡᠵᠠᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠤ ᠥᠪᠠᠷᠲᠠᠭᠡᠨ ᠵᠠᠰᠠᠬᠤ | ᠤᠷᠤᠨ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠭᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ | ᠶᠢᠨ ᠲᠤᠭᠤᠷᠢᠨ ᠳᠤ ᠮᠠᠨ ᠤ ᠠᠶᠢᠮᠠᠭ ᠤᠨ ᠢᠶᠠᠨ ᠤᠰᠤᠨ ᠠᠰᠢᠭᠯᠠᠯᠲᠠ ᠶᠢᠨ ᠭᠥᠭᠵᠢᠯᠲᠠ ᠶᠢᠨ ᠪᠤᠲᠠᠲᠠᠢ ᠠᠴᠠ | ᠡᠭᠦᠰᠴᠤ ︿ᠰᠠᠷᠭᠡᠶᠢᠯᠠᠭᠦ᠂ ᠬᠠᠮᠠᠭᠠᠯᠠᠬᠤ᠂ ᠠᠷᠪᠢᠯᠠᠬᠤ᠂ ᠪᠠᠶᠢᠭᠤᠯᠬᠤ᠂ ᠭᠡᠷᠡᠭᠯᠠᠭᠦ﹀ ᠠᠷᠭ᠎ᠠ ᠵᠠᠮ ᠢ ᠠᠪᠴᠤ᠂ ᠡᠯ᠎ᠠ | ᠲᠠᠯ᠎ᠠ ᠶᠢᠨ ᠠᠵᠢᠯ ᠢᠶᠠᠨ ᠪᠥᠭᠦ ᠭᠥᠴᠤᠨ ᠢᠶᠠᠷ ᠲᠥᠯᠭᠢᠨ ᠠᠭᠢᠭᠤᠯᠤᠨ᠎ᠠ᠃ ᠨᠢᠭᠡ ᠳᠤ᠂ ᠰᠢᠨ᠎ᠠ ᠶᠢ ᠡᠭᠦᠳᠭᠦ | ᠵᠤᠷᠢᠭ ᠰᠠᠨᠠᠭ᠎ᠠ ᠶᠢ ᠠᠵᠢᠯ ᠤᠨ ᠢᠶᠠᠨ ᠪᠥᠭᠦ ᠶᠠᠪᠤᠴᠠ ᠳᠤ ᠲᠤᠤᠱᠯᠠᠭᠤᠯᠵᠤ᠂ ᠤᠰᠤᠨ ᠠᠰᠢᠭᠯᠠᠯᠲᠠ ᠶᠢᠨ ᠥᠢᠯᠠᠰ | ᠤᠨ ᠭᠥᠭᠵᠢᠯᠲᠠ ᠶᠢᠨ ᠰᠢᠨ᠎ᠠ ᠰᠢᠪᠲᠤᠯᠤᠯᠲᠠ ᠶᠢ ᠪᠤᠢ ᠪᠤᠯᠭᠠᠨ᠎ᠠ᠃ ᠬᠤᠶᠠᠷ ᠲᠤ᠂ ᠨᠢᠭᠡᠲᠤᠯᠲᠠᠢ ᠲᠥᠯᠤᠪᠯᠠᠵᠤ᠂ | ᠬᠠᠷᠢᠯᠴᠠᠨ ᠵᠤᠭᠢᠴᠠᠩᠭᠤᠢ ᠪᠠᠷ ᠭᠥᠭᠵᠢᠭᠦᠯᠵᠤ᠂ ᠤᠰᠤᠨ ᠠᠰᠢᠭᠯᠠᠯᠲᠠ ᠶᠢᠨ ᠤᠶᠢᠯᠠᠰ ᠤᠨ ᠲᠠᠩᠴᠠᠭᠦᠷᠢᠲᠠᠢ | ᠭᠥᠭᠵᠢᠭᠦᠯᠭᠦ ᠶᠢ ᠠᠭᠢᠭᠤᠯᠤᠨ᠎ᠠ᠃ ᠭᠤᠷᠪᠠ ᠳᠤ᠂ ᠤᠰᠤᠨ ᠠᠰᠢᠭᠯᠠᠯᠲᠠ ᠶᠢᠨ ᠥᠢᠯᠠᠰ ᠤᠨ ᠨᠤᠭᠤᠭᠠᠷᠠᠭᠤᠯᠬᠤ | ᠭᠥᠭᠵᠢᠯᠲᠠ ᠶᠢ ᠠᠭᠢᠭᠤᠯᠵᠤ᠂ ᠠᠮᠢ ᠠᠬᠤᠢ ᠪᠤᠯᠤᠨ ᠤᠰᠤᠨ ᠤ ᠡᠭᠢ ᠰᠤᠷᠪᠤᠯᠵᠢ ᠶᠢ ᠰᠠᠶᠢᠲᠤᠷ ᠠᠰᠢᠭᠯᠠᠬᠤ | ᠴᠢᠲᠠᠪᠤᠷᠢ ᠪᠠᠨ ᠲᠠᠭᠡᠭᠰᠢᠯᠠᠭᠦᠯᠤᠨᠠ᠃ ᠲᠥᠷᠪᠠ ᠳᠤ᠂ ᠤᠰᠤᠨ ᠠᠰᠢᠭᠯᠠᠯᠲᠠ ᠶᠢᠨ ᠥᠢᠯᠠᠰ ᠢ ᠨᠠᠭᠡᠭᠡᠯᠲᠠ ᠲᠠᠢ | ᠭᠥᠭᠵᠢᠭᠦᠯᠵᠤ᠂ ᠥᠡᠲᠤᠷ ᠥᠷ᠎ᠠ ᠪᠥᠲᠤᠮᠵᠢ ᠲᠠᠢ᠂ ᠰᠢᠨ᠎ᠠ ᠲᠥᠷᠰᠤ ᠪᠠᠶᠢᠲᠠᠯ ᠢ ᠪᠤᠢ ᠪᠤᠯᠭᠠᠨ᠎ᠠ᠃ ᠲᠠᠪᠤ ᠳᠤ᠂ | ᠤᠰᠤᠨ ᠠᠰᠢᠭᠯᠠᠯᠲᠠ ᠶᠢᠨ ᠥᠢᠯᠠᠰ ᠢ ᠬᠠᠮᠲᠤ ᠪᠠᠷ ᠡᠳ᠋ᠯᠡᠬᠦ ᠬᠦᠭᠵᠢᠯᠳᠠ ᠤ ᠳᠦᠯᠬᠢᠨ ᠠᠬᠢᠭᠤᠯᠵᠦ᠂ | ᠴᠢᠨᠠᠭᠡᠯᠢᠭ ᠨᠠᠶᠢᠭᠡᠮ ᠢ ᠪᠥᠲᠤᠭᠡᠨ ᠪᠠᠶᠢᠭᠤᠯᠬᠤ ᠳᠤ ᠪᠠᠲᠤ ᠪᠠᠭᠢ ᠰᠠᠭᠤᠷᠢ ᠶᠢ ᠲᠠᠯᠪᠢᠨ᠎ᠠ᠃ | ︵ᠬᠤᠶᠠᠷ︶ ᠠᠵᠢᠯ ᠤᠨ ᠬᠠᠷᠠᠯᠳᠡ | ᠮᠠᠨ ᠤ ᠠᠶᠢᠮᠠᠭ ᠤᠨ ᠤᠰᠤᠨ ᠠᠰᠢᠭᠯᠠᠯᠳᠡ ᠶᠢᠨ ᠬᠦᠭᠵᠢᠯᠳᠡ ᠶᠢᠨ ᠪᠤᠳᠠᠳᠤ ᠪᠠᠶᠢᠳᠠᠯ ᠢᠶᠠᠨ | ᠦᠨᠳᠤᠰᠤᠯᠡᠵᠦ᠂ ᠭᠤᠤᠯᠳᠠᠯᠭ᠎ᠠ ᠨᠢ︽ᠰᠡᠷᠭᠡᠶᠢᠯᠡᠬᠦ᠂ ᠬᠠᠮᠠᠭᠠᠯᠠᠬᠤ᠂ ᠠᠷᠪᠢᠯᠠᠬᠤ᠂ ᠪᠠᠶᠢᠭᠤᠯᠬᠤ᠂ ᠬᠡᠷᠡᠭᠯᠡᠬᠦ︾ | ᠳᠠᠪᠤᠨ ᠳᠠᠯ᠎ᠠ ᠠᠴᠠ ᠭᠠᠷᠳᠠᠵᠤ᠂ ᠡᠯ᠎ᠡ ᠳᠠᠯ᠎ᠠ ᠶᠢᠨ ᠠᠵᠢᠯ ᠢᠶᠠᠨ ᠰᠠᠶᠢᠳᠤᠷ ᠬᠢᠨ᠎ᠡ ᠃ ᠨᠢᠭᠡ ᠳᠤ ︽ᠰᠡᠷᠭᠡᠶᠢᠯᠡᠬᠦ︾ | ᠪᠠᠷ ᠤᠷᠢᠳᠤᠯ ᠪᠤᠯᠭᠠᠨ᠎ᠠ ᠃ ᠤᠰᠤᠳᠤᠯ ᠠᠴᠠ ᠰᠡᠷᠭᠡᠶᠢᠯᠡᠬᠦ ᠪᠤᠯᠤᠨ ᠭᠠᠩ ᠬᠠᠭᠰᠠᠷᠭᠠᠨ ᠲᠠᠢ ᠳᠡᠮᠡᠴᠡᠬᠦ ᠶᠢ ᠵᠡᠷᠭᠡ | ᠪᠠᠷ ᠠᠳᠬᠤᠵᠤ᠂ ᠶᠡᠭᠡ ᠳᠠᠯ᠎ᠠ ᠶᠢᠨ ᠪᠦᠳᠦᠭᠡᠨ ᠪᠠᠶᠢᠭᠤᠯᠤᠯᠳᠠ ᠶᠢ ᠠᠩᠬᠠᠷᠬᠤ ᠶᠢᠨ ᠬᠠᠮᠳᠤ᠂ ᠪᠤᠰᠤᠳ ᠳᠠᠯ᠎ᠠ | ᠶᠢᠨ ᠪᠦᠳᠦᠭᠡᠨ ᠪᠠᠶᠢᠭᠤᠯᠤᠯᠳᠠ ᠶᠢ ᠪᠠᠰᠠ ᠴᠢᠩᠭᠠᠳᠬᠠᠵᠤ᠂ ᠪᠠᠴᠢᠮ ᠳᠤᠯᠭᠠᠮ᠎ᠠ ᠪᠠᠶᠢᠳᠠᠯ ᠢ ᠤᠷᠢᠤᠴᠢᠯᠡᠨ | ᠰᠡᠷᠭᠡᠶᠢᠯᠡᠵᠤ᠂ ᠪᠤᠳᠠᠰ ᠤᠨ ᠪᠡᠯᠡᠳᠭᠡᠯ ᠭᠦᠢᠴᠡᠳ ᠮᠦᠷᠳᠡᠬᠡᠨ ᠮᠡᠷᠭᠡᠵᠢᠯ ᠤᠨ ᠳᠦᠬᠦᠭᠡᠷᠤᠮᠵᠢ ᠪᠦᠷᠢᠨ ᠪᠠᠶᠢᠵᠤ᠂ | ᠠᠮᠤᠷ ᠲᠦᠪᠰᠢᠨ ᠢᠶᠠᠷ ᠤᠶᠢᠯᠡᠳᠪᠤᠷᠢᠯᠡᠬᠦ ᠢ ᠪᠠᠶᠢᠩᠭᠤᠵᠢᠭᠤᠯᠤᠨ᠎ᠠ᠃ ᠬᠤᠶᠠᠷ ᠲᠤ᠂ ︽ᠬᠠᠮᠠᠭᠠᠯᠠᠬᠤ ︾ ᠪᠠᠷ | ᠵᠠᠩᠭᠢᠯᠠᠭ᠎ᠠ ᠪᠤᠯᠭᠠᠨ᠎ᠠ᠃ ᠤᠰᠤᠨ ᠤ ᠡᠬᠢ ᠰᠤᠷᠪᠤᠯᠵᠢ ᠵᠢᠨᠶᠡᠷᠦᠩᠬᠡᠢ ᠬᠡᠮᠵᠢᠶ᠎ᠡ ᠶᠢ ᠵᠤᠬᠢᠰᠳᠠᠢ ᠳᠤᠬᠢᠷᠠᠭᠤᠯᠤᠨ | ᠬᠡᠷᠡᠭᠯᠡᠬᠦ ᠪᠠᠶᠢᠭᠤᠯᠤᠮᠵᠢ ᠪᠤᠯᠤᠨ᠂ ᠤᠤᠭᠤᠬᠤ ᠤᠰᠤᠨ ᠤ ᠰᠤᠷᠪᠤᠯᠵᠢ ᠶᠢᠨ ᠠᠶᠦᠯᠭᠦᠢ ᠢ ᠪᠠᠳᠤᠯᠠᠬᠤ ᠪᠠᠶᠢᠭᠤᠯᠤᠮᠵᠢ | ᠶᠢ ᠪᠦᠷᠢᠨᠰᠢᠭᠦᠯᠵᠤ᠂ ᠳᠤᠭ᠎ᠠ ᠬᠡᠮᠵᠢᠶ᠎ᠡ ᠪᠤᠯᠤᠨ ᠴᠢᠨᠠᠷ ᠢ ᠬᠠᠮᠠᠭᠠᠯᠠᠵᠦ᠂ ᠮᠠᠨ ᠤ ᠠᠶᠢᠮᠠᠭ ᠤᠨ ᠬᠡᠮᠵᠢᠶ᠎ᠡ ᠲᠠᠢ | ᠤᠰᠤᠨ ᠰᠤᠷᠪᠤᠯᠵᠢ ᠪᠠᠨ ᠳᠤᠭ᠎ᠠ ᠬᠡᠮᠵᠢᠶᠡᠨ ᠤ ᠳᠠᠯ᠎ᠠ ᠪᠠᠷ ᠪᠠᠭᠤᠷᠠᠭᠤᠯᠬᠤ ᠦᠭᠡᠢ᠂ ᠴᠢᠨᠠᠷ ᠤᠨ ᠳᠠᠯ᠎ᠠ ᠪᠠᠷ | ᠪᠤᠵᠠᠷᠳᠠᠭᠤᠯᠬᠤ ᠦᠭᠡᠢ ᠪᠠᠶᠢᠯᠭᠠᠨ᠎ᠠ᠃ ᠭᠤᠷᠪᠠ ᠳᠤ ︿ᠠᠷᠪᠢᠯᠠᠬᠤ﹀ ᠭᠡᠳᠡᠭ ᠭᠤᠤᠯᠳᠠᠯᠭ᠎ᠠ ᠶᠢ ᠴᠢᠩᠭ᠎ᠠ | ᠠᠳᠬᠤᠵᠤ ᠤᠰᠤ ᠶᠢ ᠠᠷᠪᠢᠯᠠᠬᠤ ᠳᠡᠭᠡᠷ᠎ᠡ ᠬᠦᠴᠤ ᠪᠠᠨ ᠳᠠᠯᠪᠢᠨ᠎ᠠ᠃ ᠶᠠᠭᠤᠨ ᠤ ᠤᠷᠢᠳ ᠤᠬᠠᠭᠤᠯᠬᠤ ᠠᠵᠢᠯ ᠢ | ᠰᠠᠶᠢᠳᠤᠷ ᠠᠳᠬᠤᠵᠤ ᠪᠦᠬᠦ ᠨᠡᠶᠢᠭᠡᠮ ᠤᠨ ᠤᠰᠤ ᠶᠢ ᠠᠷᠪᠢᠯᠠᠬᠤ ᠦᠵᠡᠯ ᠳᠠᠨᠢᠯᠳᠠ ᠶᠢ ᠳᠠᠰᠤᠷᠠᠯᠳᠠ ᠦᠭᠡᠢ | ᠳᠡᠭᠡᠭᠰᠢᠯᠡᠭᠦᠯᠵᠤ᠂ ᠤᠰᠤ ᠶᠢ ᠬᠠᠶᠢᠷᠠᠯᠡᠨ ᠭᠠᠮᠨᠠᠬᠤ ᠰᠠᠶᠢᠨ ᠰᠠᠶᠢᠬᠠᠨ ᠵᠠᠩ ᠰᠤᠷᠳᠠᠯ ᠢ ᠪᠤᠢ ᠪᠤᠯᠭᠠᠨ᠎ᠠ᠃ ᠳᠠᠬᠢᠪᠠᠯ | ᠤᠰᠤᠨ ᠤ ᠡᠬᠢ ᠰᠤᠷᠪᠤᠯᠵᠢ ᠶᠢ ᠴᠢᠩᠭ᠎ᠠ ᠬᠠᠮᠢᠶᠠᠷᠬᠤ ᠳᠦᠷᠢᠮ ᠳᠤᠭᠳᠠᠭᠠᠯ ᠢ ᠨᠠᠶᠢᠳᠠᠪᠤᠷᠢᠵᠢᠭᠤᠯᠵᠤ᠂ ᠤᠰᠤ | ᠵᠠᠷᠤᠬᠤ ᠬᠡᠮᠵᠢᠶ᠎ᠡ ᠶᠢ ᠴᠢᠩᠭ᠎ᠠ ᠬᠢᠵᠠᠭᠠᠷᠯᠡᠨ᠎ᠠ᠃ ᠳᠠᠷᠠᠭ᠎ᠠ ᠳᠤᠨᠢ ᠤᠰᠤ ᠶᠢ ᠠᠷᠪᠢᠯᠠᠬᠤ ᠡᠯ᠎ᠡ ᠮᠠᠶ᠋ᠢᠭ ᠤᠨ ᠮᠡᠷᠭᠡᠵᠢᠯ | ᠂ ᠮᠠᠲ᠋ᠧᠷᠢᠶᠠᠯ ᠂ ᠳᠤᠨᠤᠭ ᠲᠦᠬᠦᠭᠡᠷᠤᠮᠵᠢ ᠶᠢ ᠠᠰᠢᠭᠯᠠᠵᠤ᠂ ᠪᠦᠬᠦ ᠨᠡᠶᠢᠭᠡᠮ ᠢᠶᠠᠷ ᠢᠶᠠᠨ ᠤᠰᠤ ᠠᠷᠪᠢᠯᠠᠬᠤ ᠰᠠᠶᠢᠨ | ᠬᠡᠪ ᠰᠤᠷᠳᠠᠯ ᠢ ᠪᠤᠢ ᠪᠤᠯᠭᠠᠨ᠎ᠠ᠃ ᠳᠦᠷᠪᠠ ᠳᠤ ︿ᠪᠠᠶᠢᠭᠤᠯᠬᠤ﹀ ᠪᠠᠷ ᠰᠠᠭᠤᠷᠢ ᠪᠤᠯᠭᠠᠵᠤ᠂ ᠲᠦᠷᠦᠯ ᠵᠤᠶᠢᠯ | ᠪᠤᠯᠤᠨ ᠪᠡᠯᠡ ᠮᠥᠩᠭᠦ ᠶᠢ ᠢᠯᠡᠭᠦᠬᠡᠨ ᠤᠯᠵᠤ᠂ ᠤᠰᠤᠨ ᠠᠰᠢᠭᠯᠠᠯᠳᠠ ᠶᠢᠨ ᠡᠯ᠎ᠡ ᠵᠤᠶᠢᠯ ᠤᠨ ᠪᠠᠷᠢᠯᠭ᠎ᠠ ᠶᠢ | ᠰᠠᠶᠢᠳᠤᠷ ᠪᠠᠶᠢᠭᠤᠯᠤᠨ᠎ᠠ᠃ ᠪᠠᠶᠢᠭᠤᠯᠬᠤ ᠶᠠᠪᠤᠴᠠ ᠳᠤ ᠠᠵᠢᠯ ᠳᠦᠷᠦᠯ ᠤᠨ ᠳᠦᠷᠢᠮ ᠳᠤᠭᠳᠠᠭᠠᠯ ᠢ ᠴᠢᠩᠭ᠎ᠠ | ᠵᠢᠷᠤᠮᠯᠠᠵᠤ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢ ᠴᠢᠬᠤᠯᠠᠴᠢᠯᠠᠵᠦ᠂ ᠪᠤᠯᠤᠯᠴᠠᠭᠠᠲᠤ | ᠵᠤᠶᠢᠯ ᠢ ᠠᠩᠬᠠᠷᠴᠤ ᠨᠢᠳᠤᠨ ᠡᠮᠤᠨᠡᠬᠢ ᠪᠤᠯᠤᠨ ᠠᠯᠤᠰ ᠬᠡᠳᠤ ᠶᠢᠨ ᠠᠰᠢᠭ ᠳᠤᠰᠠ ᠶᠢ ᠬᠠᠮᠳᠤ ᠳᠤᠨᠢ | ᠪᠤᠳᠤᠯᠬᠢᠯᠠᠨ᠎ᠠ᠃ ᠡᠬᠦᠨ ᠤ ᠬᠠᠮᠳᠤ ᠤᠰᠤᠨ ᠠᠰᠢᠭᠯᠠᠯᠳᠠ ᠶᠢᠨ ᠡᠯ᠎ᠡ ᠵᠤᠶᠢᠯ ᠤᠨ ᠳᠦᠬᠦᠭᠡᠷᠤᠮᠵᠢ ᠶᠢᠨ | ᠬᠠᠮᠢᠶᠠᠷᠤᠯᠳᠠ ᠶᠢ ᠴᠢᠩᠭ᠎ᠠ ᠠᠳᠬᠤᠵᠤ᠂ ᠳᠡᠭᠦᠨ ᠠᠴᠠ ᠨᠡᠩ ᠶᠡᠭᠡ᠂ ᠨᠡᠩ ᠤᠷᠳᠤ ᠬᠤᠭᠤᠴᠠᠭᠠᠨ ᠤ ᠦᠷ᠎ᠡ | ᠠᠰᠢᠭ ᠢ ᠪᠠᠳᠠᠷᠠᠭᠤᠯᠤᠨ᠎ᠠ᠃ ᠳᠠᠪᠤ ᠳᠤ ︿ᠬᠡᠷᠡᠭᠯᠡᠬᠦ﹀ ᠪᠠᠷ ᠭᠤᠤᠯᠳᠠᠯᠭ᠎ᠠ ᠪᠤᠯᠭᠠᠨ᠎ᠠ᠃ ᠰᠡᠷᠭᠡᠶᠢᠯᠡᠬᠦ᠂ | ᠬᠠᠮᠠᠭᠠᠯᠠᠬᠤ᠂ ᠠᠷᠪᠢᠯᠠᠬᠤ᠂ ᠪᠦᠳᠦᠭᠡᠨ ᠪᠠᠶᠢᠭᠤᠯᠬᠤ ᠶᠢᠨ ᠬᠠᠮᠤᠭ ᠡᠴᠤᠰ ᠤᠨ ᠵᠤᠷᠢᠯᠭ᠎ᠠ ᠨᠢ ᠳᠠᠷᠤᠢ ᠬᠡᠷᠡᠭᠯᠡᠬᠦ | ᠳᠤ ᠪᠠᠶᠢᠨ᠎ᠠ᠃ ᠳᠠᠷᠤᠢ ᠤᠰᠤ ᠶᠢ ᠬᠡᠷᠡᠭᠯᠡᠬᠦ ᠳᠡᠭᠡᠨ ᠨᠢᠭᠡ ᠳᠤ ᠂ ᠠᠷᠡᠳ ᠤᠯᠡᠨ ᠤ ᠠᠮᠢᠳᠤᠷᠠᠯ ᠤᠨ | ᠬᠡᠷᠡᠭᠯᠡᠬᠡᠨ ᠤ ᠤᠰᠤ ᠶᠢ ᠶᠠᠭᠤᠨ ᠤ ᠤᠷᠢᠳ ᠪᠠᠳᠤᠯᠠᠨ᠎ᠠ᠃ ᠬᠤᠶᠠᠷ ᠲᠤ ᠳᠠᠬᠢᠨ ᠭᠠᠷᠤᠭᠰᠠᠨ ᠨᠡᠪᠳᠠᠷᠠᠮᠠᠯ ᠤᠰᠤ | ᠪᠤᠯᠤᠨ ᠪᠠᠶᠢᠡᠭᠭᠤ ᠶᠢᠨ ᠪᠤᠰᠤ ᠤᠰᠤ ᠶᠢ ᠬᠦᠢᠴᠡᠳ ᠠᠰᠢᠭᠯᠡᠨᠡ᠃ ᠭᠤᠷᠪᠠ ᠳᠤ ᠭᠠᠵᠠᠷ ᠳᠡᠭᠡᠷᠡᠬᠢ ᠤᠰᠤ ᠶᠢ | ᠵᠤᠬᠢᠰᠳᠠᠢ ᠬᠡᠷᠡᠭᠯᠡᠨ᠎ᠡ᠃ ᠳᠦᠷᠪᠡ ᠳᠤ ᠭᠠᠵᠠᠷ ᠳᠤᠤᠷᠠᠬᠢ ᠤᠰᠤ ᠶᠢ ᠴᠦ ᠴᠢᠩᠭ᠎ᠠ ᠬᠢᠵᠠᠭᠠᠷᠯᠡᠨ ᠬᠡᠷᠡᠭᠯᠡᠨ᠎ᠡ᠃ | ︵ᠭᠤᠷᠪᠠ︶ ᠤᠳᠤᠬᠠᠨ ᠳᠤ ᠳᠤᠤᠷᠠᠬᠢ ᠬᠡᠳᠤᠨ ᠠᠵᠢᠯ ᠢ ᠰᠠᠶᠢᠳᠤᠷ ᠠᠳᠬᠤᠨ᠎ᠠ᠃ | 1. ᠨᠠᠮ ᠤᠨ ᠰᠤᠷᠳᠠᠯ ᠪᠤᠯᠤᠨ ᠠᠷᠢᠭᠤᠨ ᠴᠢᠭᠴᠢ ᠪᠠᠷ ᠵᠠᠰᠠᠭ ᠪᠠᠷᠢᠬᠤ ᠠᠵᠢᠯ ᠢ ᠡᠬᠢᠨ ᠠᠴᠠ ᠨᠢ | ᠳᠠᠭᠤᠰᠳᠠᠯ᠎ᠠ ᠴᠢᠩᠭ᠎ᠠ ᠠᠳᠬᠤᠨ᠎ᠠ᠃ ︵ᠦᠡᠭᠭᠡᠨ ᠳᠠᠯ᠎ᠠ ᠪᠤᠯᠤᠨ ᠤᠭ ᠦᠳᠤᠰᠤ ᠶᠢ ᠵᠡᠷᠭᠡ ᠪᠠᠷ ᠵᠠᠰᠠᠵᠤ᠂ | ᠶᠡᠷᠦᠩᠭᠡᠶᠢᠯᠡᠨ ᠵᠠᠰᠠᠵᠤ᠂ ᠵᠠᠯᠬᠠᠭᠠᠬᠤ ᠪᠤᠯᠤᠨ ᠰᠡᠷᠭᠡᠶᠢᠯᠡᠬᠦ ᠶᠢ ᠬᠠᠮᠳᠤ ᠳᠤᠨᠢ ᠶᠠᠪᠤᠭᠤᠯᠵᠤ ᠰᠡᠷᠭᠡᠶᠢᠯᠡᠬᠦ ᠪᠠᠷ ᠭᠤᠤᠯ | ᠪᠤᠯᠭᠠᠬᠤ︶ ᠤᠨᠤᠯ ᠤᠨ ᠦᠵᠡᠯᠳᠡ ᠪᠠᠷ ᠰᠠᠬᠢᠯᠭ᠎ᠠ ᠪᠠᠳᠤ ᠶᠢ ᠴᠢᠩᠭ᠎ᠠ ᠰᠠᠬᠢᠵᠦ᠂ ᠶᠤᠰᠤ ᠳᠦᠷᠢᠮ ᠢᠶᠠᠷ | ᠠᠵᠢᠯᠯᠠᠬᠤ ᠶᠢ ᠴᠢᠬᠤᠯᠠ ᠪᠠᠶᠢᠷᠢᠨ ᠳᠤ ᠳᠠᠯᠪᠢᠵᠤ᠂ ᠳᠦᠪ ᠴᠢᠩᠭ᠎ᠠ ᠬᠡᠪ ᠳᠦᠷᠰᠤ᠂ ᠪᠠᠲᠦ ᠴᠢᠩᠭ᠎ᠠ ᠲᠦᠷᠢᠮ | ᠳᠤᠭᠳᠠᠭᠠᠯ᠂ ᠴᠢᠩᠭ᠎ᠠ ᠨᠢᠮᠪᠠᠢ ᠤᠪᠤᠷ ᠰᠤᠷᠳᠠᠯ ᠢᠶᠠᠷ ᠤᠰᠤᠨ ᠠᠰᠢᠭᠯᠠᠯᠳᠠ ᠶᠢᠨ ᠰᠢᠰᠲ᠋ᠧᠮ ᠤᠨ ᠨᠠᠮ ᠤᠨ | ᠰᠤᠷᠳᠠᠯ ᠪᠤᠯᠤᠨ ᠠᠷᠢᠭᠤᠨ ᠴᠢᠭᠴᠢ ᠪᠠᠷ ᠵᠠᠰᠠᠭ ᠪᠠᠷᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ ᠃ ᠡᠯ᠎ᠡ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠰᠤᠷᠳᠠᠯ ᠪᠤᠯᠤᠨ ᠠᠷᠢᠭᠤᠨ ᠴᠢᠭᠴᠢ ᠪᠠᠷ ᠵᠠᠰᠠᠭ | ᠪᠠᠷᠢᠬᠤ ᠬᠠᠷᠢᠭᠤᠴᠠᠯᠭ᠎ᠠ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠦᠬᠦ | ᠳᠠᠯ᠎ᠠ ᠪᠠᠷ ᠴᠢᠩᠭᠠᠳᠬᠠᠵᠤ᠂ ᠤᠳᠤᠷᠢᠳᠬᠤ ᠺᠠᠳ᠋ᠷ ᠤᠨ ︿ᠨᠢᠭᠡ ᠠᠵᠢᠯ ᠤᠨ ᠪᠠᠶᠢᠷᠢ ᠶᠢᠨ ᠬᠤᠤᠰ | ᠬᠠᠷᠢᠭᠤᠴᠠᠯᠭ᠎ᠠ﹀ ᠶᠢ ᠨᠠᠶᠢᠳᠠᠪᠤᠷᠢᠵᠢᠭᠤᠯᠵᠦ ᠤᠨᠴᠠᠭᠠᠶᠢᠯᠡᠨ ᠭᠤᠤᠯ ᠪᠤᠯᠬᠤ ᠬᠠᠷᠢᠭᠤᠴᠠᠯᠭᠠᠳᠠᠨ ᠨᠢ ︿ | ᠨᠢᠭᠡᠳᠤᠭᠡᠷ ᠬᠠᠷᠢᠭᠤᠴᠠᠯᠭᠠᠳᠤ ᠬᠦᠮᠤᠨ﹀ ᠤ ᠠᠵᠢᠯ ᠡᠭᠦᠷᠭᠡ ᠢ ᠬᠠᠷᠢᠭᠤᠴᠠᠬᠤ ᠬᠡᠷᠡᠭᠳᠠᠢ᠃ ᠵᠠᠰᠠᠭ ᠢ | ᠴᠤᠮᠬᠠᠳᠬᠠᠵᠤ᠂ ᠡᠷᠬᠡ ᠪᠠᠨ ᠳᠤᠷᠤᠭᠰᠢ ᠪᠠᠭᠤᠯᠭᠠᠬᠤ ᠪᠠᠷ ᠳᠠᠮᠵᠢᠵᠤ ᠢᠯᠵᠠᠷᠠᠮᠠᠯ ᠤᠨ ᠡᠬᠢ ᠦᠨᠳᠤᠰᠤ ᠶᠢ ᠵᠠᠰᠠᠵᠤ | ᠂ ᠤᠶᠢᠯᠡᠳᠪᠤᠷᠢᠯᠡᠯ ᠪᠤᠯᠤᠨ ᠠᠵᠢᠯᠳᠡᠳ ᠤᠨ ᠠᠮᠤᠷ ᠳᠦᠪᠰᠢᠨ ᠢ ᠪᠠᠳᠤᠯᠠᠨ᠎ᠠ᠃ ᠵᠠᠰᠠᠭ ᠤᠨ ᠠᠵᠢᠯ ᠢ ᠢᠯᠡ | ᠳᠤᠳᠤ ᠪᠠᠶᠢᠯᠭᠠᠵᠤ᠂ ᠵᠠᠰᠠᠭ ᠵᠠᠬᠢᠷᠭᠠᠨ ᠤ ᠠᠵᠢᠯ ᠤᠨ ᠬᠢᠨᠠᠨ ᠵᠦᠪᠰᠢᠶᠡᠷᠡᠬᠦ ᠠᠵᠢᠯ ᠢ ᠨᠠᠷᠢᠨ ᠨᠢᠮᠪᠠᠢ | ᠳᠦᠷᠢᠮᠵᠢᠭᠦᠯᠵᠤ᠂ ᠬᠢᠨᠠᠨ ᠵᠦᠪᠰᠢᠶᠡᠷᠡᠭᠰᠡᠨ ᠳᠡᠮᠳᠡᠭᠯᠡᠯ ᠪᠤᠯᠤᠨ ᠳᠡᠩᠰᠠ ᠡᠪᠬᠡᠮᠠᠯ ᠤᠨ ᠳᠦᠷᠢᠮ ᠢ ᠪᠠᠶᠢᠭᠤᠯᠵᠤ᠂ | ᠬᠢᠨᠠᠨ ᠵᠦᠪᠰᠢᠶᠡᠷᠡᠭᠰᠡᠨ ᠬᠡᠷᠡᠭ ᠶᠠᠪᠤᠳᠠᠯ᠂ ᠴᠠᠭ ᠬᠤᠭᠤᠴᠠᠭ᠎ᠠ ᠠᠯᠬᠤᠮ ᠳᠠᠷᠠᠭ᠎ᠠ ᠵᠡᠷᠭᠡ ᠶᠢ ᠪᠦᠷᠢᠮᠤᠰᠤᠨ ᠢᠯᠡ | ᠳᠤᠳᠤ ᠪᠠᠶᠢᠯᠭᠠᠵᠤ ᠳᠦᠷᠢᠮᠵᠡᠭᠰᠡᠨ ᠬᠠᠮᠢᠶᠠᠷᠤᠯᠳᠠ ᠶᠢ ᠠᠬᠢᠭᠤᠯᠵᠤ ᠨᠡᠶᠢᠭᠡᠮ ᠤᠨ ᠬᠢᠨᠠᠯᠳᠠ ᠢ ᠬᠦᠯᠢᠶᠡᠨ᠎ᠡ᠃ | 2. ᠪᠠᠶᠢᠭᠤᠯᠭ᠎ᠠ ᠶᠢᠨ ᠪᠥᠲᠤᠭᠡᠨ ᠪᠠᠶᠢᠭᠤᠯᠤᠯᠲᠠ ᠪᠤᠯᠤᠨ ᠤᠶᠤᠨ ᠤ ᠪᠤᠯᠪᠠᠰᠤᠨ ᠤ ᠪᠥᠲᠤᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠲᠥᠷᠢᠮ ᠲᠤᠭᠲᠠᠭᠠᠯ ᠢᠶᠠᠨ ᠴᠢᠩᠭᠠᠳᠬᠠᠵᠤ | ᠠᠵᠢᠯᠯᠠᠬᠤ ᠲᠥᠷᠢᠮ ᠢᠶᠠᠨ ᠪᠥᠷᠢᠡᠰᠢᠭᠦᠯᠵᠤ᠂ ᠠᠵᠢᠯᠯᠠᠬᠤ ᠠᠯᠬᠤᠮ ᠲᠠᠷᠠᠭ᠎ᠠ ᠪᠠᠨ ᠰᠢᠯᠤᠭᠤᠨ ᠪᠤᠯᠭᠠᠵᠤ᠂ | ᠪᠠᠶᠢᠭᠤᠯᠭ᠎ᠠ ᠶᠢᠨ ᠬᠠᠮᠢᠶᠠᠷᠤᠯᠲᠠ ᠪᠠᠨ ᠨᠠᠩ ᠲᠥᠷᠢᠮᠵᠢᠭᠦᠯᠵᠤ᠂ ᠡᠯ᠎ᠠ ᠲᠥᠷᠤᠯ ᠤᠨ ᠠᠵᠢᠯ ᠨᠢ ᠡᠰᠢ ᠪᠠᠷᠢᠮᠲᠠ | ᠲᠠᠢ᠂ ᠲᠥᠷᠢᠮ ᠲᠤᠭᠲᠠᠭᠠᠯ ᠲᠠᠢ ᠪᠠᠶᠢᠵᠤ᠂ ᠤᠶᠢᠯᠠᠴᠢᠯᠠᠭᠡᠨ ᠤ ᠥᠷ᠎ᠠ ᠠᠰᠢᠭ ᠢᠶᠠᠨ ᠲᠠᠰᠤᠷᠠᠯᠲᠠ ᠥᠭᠡᠢ | ᠲᠠᠭᠡᠭᠰᠢᠯᠠᠭᠦᠯᠤᠨᠠ︔ ᠪᠠᠶᠢᠭᠤᠯᠭ᠎ᠠ ᠶᠢᠨ ᠤᠶᠤᠨ ᠤ ᠪᠤᠯᠪᠠᠰᠤᠨ ᠤ ᠪᠥᠲᠤᠭᠡᠨ ᠪᠠᠶᠢᠭᠤᠯᠤᠯᠲᠠ ᠶᠢ ᠴᠢᠩᠭ᠎ᠠ | ᠠᠤᠬᠠᠤᠵᠤ᠂ ᠨᠠᠶᠢᠭᠡᠮ ᠤᠨ ᠵᠥᠪ ᠡᠨᠧᠷᠭᠢ ᠶᠢ ᠪᠤᠢ ᠪᠤᠯᠭᠠᠵᠤ᠂ ᠤᠰᠤᠨ ᠠᠰᠢᠭᠯᠠᠯᠲᠠ ᠶᠢᠨ ᠠᠵᠢᠯ ᠤᠨ ᠪᠤᠯᠪᠠᠰᠤᠨ | ᠳᠦᠷᠰᠤ ᠪᠠᠶᠢᠲᠠᠯ ᠢ ᠪᠠᠶᠢᠭᠤᠯᠵᠤ᠂ ᠰᠢᠰᠲ᠋ᠧᠮ ᠤᠨ ᠲᠤᠲᠤᠷ᠎ᠠ ᠪᠠᠨ ᠡᠯ᠎ᠠ ᠵᠤᠶᠢᠯ ᠤᠨ ᠭᠡᠯᠪᠠᠷᠢ ᠶᠢᠨ ᠰᠠᠶᠢᠨ | ᠰᠠᠶᠢᠬᠠᠨ ᠭᠥᠲᠠᠯᠪᠤᠷᠢ ᠶᠢ ᠥᠷᠨᠢᠭᠦᠯᠵᠤ᠂ ᠠᠵᠢᠯᠲᠠᠳ ᠤᠨ ᠨᠢᠡᠡᠲᠠᠷᠠᠯ ᠤᠨ ᠭᠥᠴᠤᠨ ᠢ ᠠᠭᠢᠭᠤᠯᠵᠤ᠂ ᠤᠶᠤᠨ | ᠰᠠᠨᠠᠭᠠᠨ ᠤ ᠲᠥᠷᠰᠤ ᠪᠠᠶᠢᠲᠠᠯ ᠪᠤᠯᠤᠨ ᠥᠢᠯᠠᠴᠢᠯᠠᠭᠡᠨ ᠤ ᠭᠢᠷᠢ ᠭᠡᠮᠵᠢᠶ᠎ᠠ ᠪᠠᠨ ᠲᠠᠭᠡᠭᠰᠢᠯᠠᠭᠦᠯᠤᠨᠠ᠃ | 3. ᠺᠠᠳ᠋ᠷ ᠤᠨ ᠡᠩᠨᠠᠭᠡᠨ ᠤ ᠪᠥᠲᠤᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠨ᠎ᠠ᠃ ᠺᠠᠳ᠋ᠷ ᠤᠨ | ᠡᠩᠨᠠᠭᠡᠨ ᠤ ᠪᠤᠯᠪᠠᠰᠤᠷᠠᠯ ᠭᠥᠮᠤᠵᠢᠯ ᠢ ᠴᠢᠩᠭ᠎ᠠ ᠠᠳᠬᠤᠵᠤ᠂ ᠲᠤᠬᠠᠶᠢᠯᠠᠭᠰᠠᠨ ᠠᠵᠢᠯ ᠤᠨ ᠭᠤᠤᠯᠯᠠᠬᠤ ᠭᠥᠴᠤᠨ | ᠪᠤᠯᠤᠨ ᠰᠢᠯᠢᠲᠡᠭ ᠵᠠᠯᠠᠭᠤ ᠺᠠᠳ᠋ᠷ ᠠᠵᠢᠯᠲᠠᠨ ᠢ ᠬᠦᠮᠤᠵᠢᠬᠦᠯᠵᠦ ᠬᠡᠷᠡᠭᠯᠡᠬᠦ ᠳᠡᠭᠡᠷ᠎ᠡ ᠬᠦᠴᠤ ᠳᠠᠯᠪᠢᠵᠦ ᠂ ᠺᠠᠳ᠋ᠷ | ᠤᠨ ᠡᠩᠨᠡᠭᠡ ᠶᠢᠨ ᠨᠠᠰᠤ ᠵᠢᠯ᠂ ᠰᠤᠶᠤᠯ ᠤᠨ ᠭᠡᠮᠵᠢᠶ᠎ᠠ᠂ ᠮᠠᠲᠠᠯᠭᠡ ᠶᠢᠨ ᠪᠥᠲᠤᠴᠠ ᠵᠠᠷᠭᠡ ᠲᠠᠯ᠎ᠠ ᠪᠠᠷ ᠨᠠᠩ ᠵᠥᠢ | ᠵᠤᠭᠢᠰᠲᠠᠢ ᠰᠢᠯᠢᠲᠡᠭᠵᠢᠭᠦᠯᠵᠤ᠂ ᠤᠯᠤᠰ ᠲᠥᠷᠤ ᠶᠢᠨ ᠲᠠᠯ᠎ᠠ ᠪᠠᠷ ᠰᠢᠯᠭᠠᠷᠠᠭᠰᠠᠨ᠂ ᠲᠤᠬᠠᠶᠢᠯᠠᠭᠰᠠᠨ ᠠᠵᠢᠯ ᠳᠠᠭᠠᠨ | ᠮᠠᠷᠭᠡᠵᠢᠭᠰᠡᠨ᠂ ᠥᠵᠠᠯ ᠰᠠᠨᠠᠭ᠎ᠠ ᠨᠢ ᠠᠮᠢᠲᠤᠯᠢᠭ᠂ ᠴᠢᠷᠮᠠᠶᠢᠯᠲᠠ ᠲᠠᠢ᠂ ᠰᠢᠨ᠎ᠠ ᠴᠠᠭ ᠥᠶ᠎ᠠ ᠶᠢᠨ ᠤᠰᠤᠨ | ᠠᠰᠢᠭᠯᠠᠯᠲᠠ ᠶᠢᠨ ᠠᠵᠢᠯ ᠤᠨ ᠱᠠᠭᠠᠷᠲᠠᠯᠭ᠎ᠠ ᠳᠤ ᠨᠠᠶᠢᠴᠡᠭᠰᠡᠨ ᠺᠠᠳ᠋ᠷ ᠤᠨ ᠡᠩᠨᠡᠭᠡ ᠶᠢ ᠪᠤᠢ ᠪᠤᠯᠭᠠᠨ᠎ᠠ︔ ᠴᠥᠭᠡᠨ | ᠲᠤᠭᠠᠲᠤ ᠥᠡᠲᠤᠰᠤᠲᠠᠨ ᠤ ᠺᠠᠳ᠋ᠷ ᠢ ᠭᠥᠮᠤᠵᠢᠭᠦᠯᠵᠤ ᠭᠡᠷᠡᠭᠯᠠᠭᠦ ᠠᠵᠢᠯ ᠢ ᠴᠢᠬᠤᠯᠠᠴᠢᠯᠡᠨ ᠥᠵᠠᠵᠤ᠂ ᠨᠢᠭᠡ ᠲᠠᠯ᠎ᠠ | ᠪᠠᠷ ᠰᠢᠰᠲ᠋ᠧᠮ ᠤᠨ ᠲᠤᠲᠤᠭᠠᠲᠤ ᠳᠠᠭᠠᠨ ᠴᠥᠭᠡᠨ ᠲᠤᠭᠠᠲᠤ ᠥᠡᠲᠤᠰᠤᠲᠠᠨ ᠤ ᠺᠠᠳ᠋ᠷ ᠢ ᠭᠥᠮᠤᠵᠢᠭᠦᠯᠵᠤ | ᠭᠡᠷᠡᠭᠯᠠᠭᠦ ᠠᠵᠢᠯ ᠢ ᠴᠢᠩᠭᠠᠳᠬᠠᠵᠤ ᠂ ᠲᠠᠲᠠᠨ ᠳᠤ | ︿ᠲᠤᠬᠠᠶᠢᠯᠠᠭᠰᠠᠨ ᠠᠵᠢᠯ ᠢ ᠭᠢᠯᠭᠡᠵᠤ᠂ ᠠᠵᠢᠯ ᠡᠭᠦᠷᠭᠡ ᠡᠭᠦᠷᠭᠡᠯᠠᠭᠦᠯᠵᠤ﹀ ᠨᠠᠩ ᠤᠯᠠᠨ ᠲᠤᠬᠠᠶᠢᠯᠠᠭᠰᠠᠨ ᠠᠵᠢᠯ ᠢ | ᠲᠤᠰᠢᠶᠠᠵᠤ ᠬᠢᠯᠬᠡᠨ᠎ᠡ ᠃ ᠨᠥᠭᠦᠭᠡ ᠲᠠᠯ᠎ᠠ ᠪᠠᠷ᠂ ᠬᠤᠶᠢᠰᠢᠳᠠ ᠤᠰᠤᠨ ᠠᠰᠢᠭᠯᠠᠯᠲᠠ ᠶᠢᠨ ᠲᠤᠬᠠᠶᠢᠯᠠᠭᠰᠠᠨ | ᠠᠵᠢᠯᠲᠠᠳ ᠶᠢ ᠰᠤᠩᠭᠤᠨ ᠭᠡᠷᠡᠭᠯᠠᠭᠦ ᠳᠡᠭᠡᠨ ᠴᠥᠭᠡᠨ ᠲᠤᠭᠠᠲᠤ ᠥᠡᠲᠤᠰᠤᠲᠠᠨ ᠤ ᠺᠠᠳ᠋ᠷ ᠢ ᠤᠷᠢᠳ ᠢᠶᠠᠷ | ᠪᠤᠲᠤᠯᠭᠢᠯᠠᠵᠤ᠂ ᠲᠠᠲᠠᠨ ᠤ ᠮᠤᠩᠭᠤᠯ ᠭᠢᠲᠠᠳ ᠭᠡᠯᠡ ᠶᠢ ᠴᠤᠭ ᠲᠤᠨᠢ ᠭᠡᠷᠡᠭᠯᠠᠵᠤ᠂ ᠮᠤᠩᠭᠤᠯ ᠭᠢᠲᠠᠳ ᠢᠶᠠᠷ | ᠶᠠᠷᠢᠵᠤ ᠴᠢᠳᠠᠬᠤ ᠲᠠᠪᠠᠭᠤᠯᠢᠭ ᠢ ᠠᠰᠢᠭᠯᠠᠵᠤ᠂ ᠥᠡᠲᠤᠰᠤᠨ ᠱᠠᠲᠤᠨ ᠳᠤ ᠨᠠᠩ ᠰᠠᠶᠢᠨ ᠢᠶᠠᠷ ᠥᠢᠯᠠᠴᠢᠯᠠᠭᠦᠯᠤᠨᠠ᠃ | | ᠪᠠᠶᠢᠭᠤᠯᠭ᠎ᠠ ᠶᠢᠨ ᠪᠠᠶᠢᠭ᠎ᠠ ᠭᠠᠵᠠᠷ᠄ ᠦᠪᠤᠷ ᠮᠤᠩᠭᠤᠯ ᠤᠨ ᠰᠢᠯᠢ ᠶᠢᠨ ᠬᠤᠲᠠ ᠶᠢᠨ ᠠᠵᠦ ᠶᠢᠨ ᠨᠡᠬᠡᠬᠡᠨ | ᠬᠦᠭᠵᠢᠬᠦᠯᠬᠦ ᠳᠤᠭᠤᠷᠢᠭ | ᠬᠠᠷᠢᠯᠴᠠᠬᠤ ᠤᠳᠠᠰᠤ᠄ 0479 —8222912 | |