2010 ᠤᠨ ᠤ 7 ᠳ᠋ᠤᠭᠠᠷ ᠰᠠᠷ᠎ᠠ ᠶᠢᠨ 16 ᠤ ᠡᠲᠥᠷ᠂ ᠰᠢᠯᠢ ᠶᠢᠨ ᠭᠤᠤᠯ ᠠᠶᠢᠮᠠᠭ ᠤᠨ ᠵᠠᠬᠢᠷᠭᠠᠨ ᠤ | ᠠᠯᠪᠠᠨ ᠲᠢᠩᠭᠢᠮ ᠠᠴᠠ ︽ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ | ᠭᠡᠷ ᠤᠨ ᠭᠤᠤᠯ ᠡᠬᠦᠷᠭᠡ ᠬᠠᠷᠢᠭᠤᠴᠠᠯᠭ᠎ᠠ ᠲᠤᠳᠤᠭᠠᠳᠥ ᠶᠢᠨ ᠪᠠᠶᠢᠭᠤᠯᠤᠮᠵᠢ ᠪᠤᠯᠤᠨ ᠠᠵᠢᠯᠲᠠᠨ ᠤ ᠤᠷᠤᠨ ᠲᠤᠭ᠎ᠠ | ᠶᠢᠨ ᠲᠤᠭᠲᠠᠭᠠᠯ︾ ︵ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠠᠴᠠ ᠲᠠᠷᠬᠠᠭᠠᠭᠰᠠᠨ | ︹2010︺ 116 ᠲᠤᠭᠠᠲᠤ︶ ᠢ ᠪᠠᠭᠤᠯᠭᠠᠪᠠ᠃ | ︽ᠲᠤᠭᠲᠠᠭᠠᠯ︾ ᠳᠤ ︽ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ | ᠭᠡᠷ ᠢ ᠪᠠᠶᠢᠭᠤᠯᠵᠥ᠂ ᠰᠢᠯᠢ ᠶᠢᠨ ᠭᠤᠤᠯ ᠠᠶᠢᠮᠠᠭ ᠤᠨ ᠠᠷᠠᠳ ᠤᠨ ᠰᠡᠷᠭᠡᠶᠢᠯᠡᠲᠡ ᠶᠢᠨ ᠲᠤᠪᠴᠢᠶᠠᠨ ᠤ ᠫᠠᠶᠢᠰᠠ ᠶᠢ | ᠡᠯᠬᠦᠵᠥ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠲᠤ ᠬᠠᠷᠢᠶᠠᠯᠠᠭᠤᠯᠤᠨ᠎ᠠ︾ | ᠭᠡᠵᠥ ᠲᠤᠳᠤᠷᠬᠠᠶᠢᠯᠠᠵᠠᠢ᠃ ︽ᠲᠤᠭᠲᠠᠭᠠᠯ︾ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠬᠦᠷᠭᠡ | ᠬᠠᠷᠢᠭᠤᠴᠠᠯᠭ᠎ᠠ ᠳᠤ ᠲᠤᠬᠢᠷᠠᠭᠤᠯᠤᠯᠲᠠ ᠬᠢᠪᠡ᠄ ︵ᠨᠢᠭᠡ︶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ | ᠥᠬᠡᠶᠢᠰᠬᠡᠬᠦ ᠪᠠᠷ ᠵᠠᠷᠯᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠢ ᠥᠭᠡᠶᠢᠰᠭᠡᠵᠥ᠂ ᠵᠠᠰᠠᠭ ᠵᠠᠬᠢᠷᠭᠠᠨ ᠤ ᠪᠤᠰᠤ | ᠵᠥᠪᠰᠢᠶᠡᠷᠡᠯ ᠤᠨ ᠬᠢᠨᠠᠨ ᠵᠥᠪᠰᠢᠶᠡᠷᠡᠬᠦ ᠲᠥᠷᠥᠯ ᠵᠥᠢᠯ ᠪᠤᠯᠭᠠᠨ᠎ᠠ︔ ︵ᠬᠤᠶᠠᠷ︶ ᠰᠢᠯᠢ ᠶᠢᠨ ᠭᠤᠤᠯ ᠠᠶᠢᠮᠠᠭ ᠤᠨ | ᠵᠠᠬᠢᠷᠭ᠎ᠠ ᠠᠴᠠ ᠲᠤᠰᠢᠶᠠᠭᠰᠠᠨ ᠬᠥᠨᠲᠤ ᠴᠢᠬᠤᠯᠠ ᠬᠡᠨᠡᠳᠲᠡ ᠪᠠᠷ ᠡᠬᠦᠰᠥᠭᠰᠡᠨ ᠤᠯᠠᠨ ᠨᠡᠶᠢᠲᠡ ᠶᠢᠨ ᠬᠡᠷᠡᠭ ᠢ | ᠰᠢᠢᠳᠪᠤᠷᠢᠯᠡᠬᠦ ᠬᠠᠮᠢᠶ᠎ᠠ ᠪᠥᠬᠦᠢ ᠴᠢᠲᠠᠪᠬᠢ ᠪᠠ ᠡᠬᠦᠷᠭᠡ ᠶᠢ ᠨᠡᠮᠡᠭᠲᠡᠬᠦᠯᠥᠨ᠎ᠠ︔ ︵ᠭᠤᠷᠪᠠ︶ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠭᠠᠮᠰᠢᠭ ᠢ ᠰᠡᠷᠭᠡᠶᠢᠯᠡᠬᠦ ᠥᠢᠯᠡᠲᠥᠯ ᠴᠢᠲᠠᠪᠬᠢ ᠶᠢ ᠲᠡᠬᠦᠯᠲᠡᠷᠵᠢᠬᠦᠯᠵᠥ᠂ ᠠᠭᠠᠷ ᠤᠨ | ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢ ᠨᠢᠭᠡ ᠴᠤᠭᠴᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢᠨ | ᠠᠵᠢᠯ ᠤᠨ ᠲᠤᠭᠲᠠᠴᠠ ᠶᠢ ᠪᠠᠶᠢᠭᠤᠯᠤᠨ ᠪᠥᠷᠢᠨᠰᠢᠬᠦᠯᠵᠥ᠂ ᠠᠭᠠᠷ ᠤᠨ ᠰᠡᠷᠭᠡᠶᠢᠯᠡᠯᠲᠡ ᠭᠠᠮᠰᠢᠭ ᠤᠨ | ᠰᠡᠷᠭᠡᠶᠢᠯᠡᠯᠲᠡ ᠶᠢᠨ ᠨᠢᠭᠡ ᠴᠤᠭᠴᠠᠵᠢᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ︔ ︽ᠲᠤᠭᠲᠠᠭᠠᠯ︾ ᠳᠤ | ︽ᠬᠠᠤᠯᠢ ᠲᠥᠷᠢᠮ ᠤᠨ ᠤᠬᠠᠭᠤᠯᠭ᠎ᠠ ᠶᠢᠨ ᠰᠠᠯᠠᠭ᠎ᠠ ᠨᠡᠮᠡᠵᠥ ᠲᠤᠬᠢᠷᠠᠭᠤᠯᠤᠨ᠎ᠠ︾ ᠭᠡᠵᠥ ᠲᠤᠳᠤᠷᠬᠠᠶᠢᠯᠠᠵᠠᠢ᠃ | ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠲᠤ 4 ᠡᠬᠦᠷᠭᠡ | ᠴᠢᠲᠠᠪᠬᠢ ᠶᠢᠨ ᠰᠠᠯᠠᠭ᠎ᠠ ᠪᠠᠶᠢᠷᠢᠯᠠᠭᠤᠯᠵᠥ᠂ ᠲᠤᠰᠪᠤᠷᠢ ᠶᠡᠷᠥᠩᠭᠡᠶᠢᠯᠡᠭᠰᠡᠨ ᠰᠠᠯᠠᠭ᠎ᠠ᠂ ᠢᠨᠵᠧᠨᠧᠷᠢᠩ ᠤᠨ ᠰᠠᠯᠠᠭ᠎ᠠ᠂ | ᠴᠢᠮᠡᠭᠡ ᠬᠤᠯᠪᠤᠭᠠᠨ ᠤ ᠵᠢᠯᠤᠭᠤᠳᠬᠤ ᠰᠠᠯᠠᠭ᠎ᠠ᠂ ᠬᠠᠤᠯᠢ ᠲᠥᠷᠢᠮ ᠤᠨ ᠤᠬᠠᠭᠤᠯᠭ᠎ᠠ ᠶᠢᠨ ᠰᠠᠯᠠᠭ᠎ᠠ ᠪᠤᠯᠤᠨ᠎ᠠ᠃ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠤᠷᠤᠨ ᠲᠤᠭ᠎ᠠ 9 ᠪᠠᠶᠢᠵᠥ᠂ ᠡᠬᠦᠨ ᠳᠤ ᠡᠷᠬᠢᠯᠡᠭᠴᠢ 1 ᠨᠡᠷ᠎ᠠ᠂ ᠲᠡᠳ᠋ | ᠡᠷᠬᠢᠯᠡᠭᠴᠢ 1 ᠨᠡᠷ᠎ᠠ᠂ ᠲᠡᠳ᠋ ᠪᠠᠶᠢᠴᠠᠭᠠᠨ ᠰᠤᠲᠤᠯᠤᠭᠴᠢ 1 ᠨᠡᠷ᠎ᠠ᠂ ᠰᠠᠯᠠᠭ᠎ᠠ ᠲᠡᠰ ᠤᠨ ᠤᠲᠤᠷᠢᠲᠤᠯᠭ᠎ᠠ ᠶᠢᠨ | ᠲᠤᠰᠢᠶᠠᠯ ᠤᠨ ᠲᠤᠭ᠎ᠠ 6 ᠨᠡᠷ᠎ᠠ ︵4 ᠵᠢᠩᠭᠢᠨᠢ᠂ 2 ᠲᠡᠳ᠋︶᠃ ᠬᠢᠨᠠᠨ ᠲᠤᠭᠲᠠᠭᠠᠭᠰᠠᠨ ᠠᠷᠤ ᠲᠠᠯ᠎ᠠ ᠪᠤᠶᠤ | ᠲᠤᠰᠠᠯᠠᠬᠤ ᠠᠵᠢᠯᠲᠠᠨ ᠤ ᠤᠷᠤᠨ ᠲᠤᠭ᠎ᠠ 2 ᠨᠡᠷ᠎ᠠ᠃ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠴᠢᠮᠡᠭᠡ ᠬᠤᠯᠪᠤᠭ᠎ᠠ ᠶᠢ ᠵᠢᠯᠤᠭᠤᠳᠬᠤ ᠪᠠᠲᠤᠯᠠᠭ᠎ᠠ ᠶᠢᠨ ᠲᠥᠪ ᠨᠢ 10 ᠬᠥᠮᠥᠨ ᠤ ᠤᠷᠤᠨ ᠲᠤᠭ᠎ᠠ ᠲᠠᠢ᠂ | ᠵᠠᠷᠤᠳᠠᠯ ᠢ ᠪᠥᠬᠦ ᠲᠤᠭ᠎ᠠ ᠪᠠᠷ ᠡᠳ᠋ ᠤᠨ ᠵᠠᠰᠠᠭ ᠠᠴᠠ ᠤᠯᠭᠤᠬᠤ ᠠᠵᠢᠯ ᠥᠢᠯᠡᠰ ᠤᠨ ᠨᠢᠭᠡᠴᠡ ᠪᠠᠶᠢᠵᠥ᠂ | ᠤᠲᠤᠷᠢᠲᠤᠯᠭ᠎ᠠ ᠶᠢᠨ ᠲᠤᠰᠢᠶᠠᠯ ᠤᠨ ᠲᠤᠭ᠎ᠠ 3 ᠨᠡᠷ᠎ᠠ ︵1 ᠵᠢᠩᠭᠢᠨᠢ᠂ 2 ᠲᠡᠳ᠋᠂ 3 ᠰᠠᠯᠠᠭ᠎ᠠ ᠲᠡᠰ ᠤᠨ | ᠲᠤᠰᠢᠶᠠᠯ ᠤᠨ ᠲᠤᠭ᠎ᠠ︶ ᠪᠤᠢ᠃ | ︵ᠨᠢᠭᠡ︶ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠵᠢᠴᠢ ᠠᠷᠠᠳ ᠤᠨ | ᠰᠡᠷᠭᠡᠶᠢᠯᠡᠯᠲᠡ ᠶᠢᠨ ᠲᠤᠪᠴᠢᠶᠠᠨ ᠤ ᠡᠬᠦᠷᠭᠡ ᠬᠠᠷᠢᠭᠤᠴᠠᠯᠭ᠎ᠠ | 1. ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠠᠵᠢᠯ ᠤᠨ ᠴᠢᠭᠯᠡᠯᠲᠡ᠂ ᠲᠥᠷᠥ ᠶᠢᠨ ᠪᠤᠲᠤᠯᠭ᠎ᠠ᠂ ᠬᠠᠤᠯᠢ ᠲᠥᠷᠢᠮ᠂ ᠬᠠᠤᠯᠢ ᠲᠤᠭᠲᠠᠭᠠᠯ ᠢ ᠲᠤᠤᠱᠯᠠᠭᠤᠯᠤᠨ | ᠬᠡᠷᠡᠭᠵᠢᠬᠦᠯᠥᠨ᠎ᠠ᠃ | 2. ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠮᠲᠠ ᠤᠷᠲᠤ | ᠬᠤᠭᠤᠴᠠᠭᠠᠨ ᠤ ᠲᠥᠯᠥᠪᠵᠢᠬᠦᠯᠭᠡ ᠪᠤᠯᠤᠨ ᠤᠨ ᠤ ᠲᠥᠯᠥᠪᠯᠡᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠪᠥᠭᠡᠳ | ᠬᠡᠷᠡᠭᠵᠢᠬᠦᠯᠥᠨ᠎ᠠ︔ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠭᠠᠮᠰᠢᠭ ᠲᠠᠢ ᠲᠡᠮᠡᠴᠡᠵᠥ ᠭᠠᠮᠰᠢᠭ ᠠᠴᠠ | ᠠᠪᠤᠷᠠᠬᠤ ᠲᠥᠯᠥᠪᠵᠢᠬᠦᠯᠭᠡ ᠪᠤᠯᠤᠨ ᠬᠡᠨᠡᠳᠲᠡ ᠶᠢᠨ ᠴᠢᠨᠠᠷᠲᠠᠢ ᠬᠡᠷᠡᠭ ᠤᠨ ᠪᠠᠴᠢᠮ ᠪᠠᠶᠢᠲᠠᠯ ᠢ ᠠᠷᠭᠠᠴᠠᠬᠤ ᠲᠥᠰᠥᠯ | ᠵᠢᠴᠢ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ ᠠᠪᠤᠷᠠᠬᠤ ᠲᠥᠰᠥᠯ ᠢ ᠨᠠᠶᠢᠷᠠᠭᠤᠯᠬᠤ ᠪᠥᠭᠡᠳ ᠬᠢᠨᠠᠯᠲᠠ | ᠲᠠᠯᠪᠢᠵᠥ ᠬᠡᠷᠡᠭᠵᠢᠬᠦᠯᠥᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠤᠲᠤᠬᠢ ᠮᠡᠷᠭᠡᠵᠢᠯ ᠤᠨ | ᠲᠠᠪᠴᠠᠩ᠂ ᠡᠬᠢ ᠪᠠᠶ᠋ᠯᠠᠢᠭ ᠪᠤᠯᠤᠨ ᠲᠥᠭᠦᠭᠡᠷᠥᠮᠵᠢ ᠶᠢ ᠠᠰᠢᠭᠯᠠᠨ᠂ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ | ᠠᠪᠤᠷᠠᠬᠤ ᠪᠤᠯᠤᠨ ᠬᠡᠨᠡᠳᠲᠡ ᠶᠢᠨ ᠴᠢᠨᠠᠷᠲᠠᠢ ᠬᠡᠷᠡᠭ ᠶᠠᠪᠤᠲᠠᠯ ᠤᠨ ᠪᠠᠴᠢᠮ ᠪᠠᠶᠢᠲᠠᠯ ᠢ ᠠᠷᠭᠠᠴᠠᠵᠥ | ᠰᠢᠢᠳᠪᠤᠷᠢᠯᠡᠬᠦ ᠳᠤ ᠤᠷᠤᠯᠴᠠᠨ᠎ᠠ᠃ | 3. ᠠᠶᠢᠮᠠᠭ ᠤᠨ ᠵᠠᠬᠢᠷᠭ᠎ᠠ᠂ ᠴᠡᠷᠢᠭ ᠤᠨ ᠬᠤᠪᠢᠶᠠᠷᠢ ᠲᠤᠭᠤᠷᠢᠭ ᠪᠤᠯᠤᠨ ᠬᠠᠮᠢᠶ᠎ᠠ ᠪᠥᠬᠦᠢ ᠰᠠᠯᠠᠭ᠎ᠠ | ᠮᠥᠴᠢᠷ ᠲᠠᠢ ᠰᠤᠷᠠᠭ ᠴᠢᠮᠡᠭᠡ ᠬᠠᠷᠢᠯᠴᠠᠨ ᠨᠡᠪᠲᠡᠷᠡᠯᠴᠡᠭᠰᠡᠨ᠂ ᠪᠠᠴᠢᠮ ᠪᠠᠶᠢᠲᠠᠯ ᠢ ᠠᠷᠭᠠᠴᠠᠵᠥ ᠠᠪᠤᠷᠠᠨ ᠲᠤᠰᠠᠯᠠᠬᠤ | ᠰᠥᠯᠵᠢᠶ᠎ᠠ ᠶᠢ ᠪᠠᠶᠢᠭᠤᠯᠬᠤ ᠪᠤᠯᠤᠨ ᠠᠭᠠᠷ ᠤᠨ ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢ ᠬᠠᠮᠲᠤᠷᠠᠭᠤᠯᠤᠭᠰᠠᠨ | ᠪᠠᠴᠢᠮ ᠪᠠᠶᠢᠲᠠᠯ ᠢ ᠠᠷᠭᠠᠴᠠᠬᠤ ᠵᠢᠵᠢᠬᠦᠷᠯᠡᠬᠦ ᠲᠥᠷᠢᠮ ᠤᠨ ᠬᠡᠷᠡᠭᠵᠢᠬᠦᠯᠥᠯᠲᠠ ᠶᠢ ᠬᠠᠷᠢᠭᠤᠴᠠᠨ᠎ᠠ᠃ | 4. ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠬᠦᠯᠭᠡ ᠪᠤᠯᠤᠨ ᠤᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠤᠭᠤᠷᠪᠢᠵᠥ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠲᠥᠯᠥᠪᠵᠢᠬᠦᠯᠭᠡ ᠶᠢ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠶᠡᠷᠥᠩᠭᠡᠢ ᠲᠥᠯᠥᠪᠵᠢᠬᠦᠯᠭᠡ ᠳᠤ ᠤᠷᠤᠭᠤᠯᠤᠨ᠎ᠠ︔ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ︵ᠠᠭᠠᠷ ᠤᠨ ᠰᠡᠷᠭᠡᠶᠢᠯᠡᠯᠲᠡ ᠶᠢᠨ ᠭᠠᠵᠠᠷ ᠲᠤᠤᠷᠠᠬᠢ ᠭᠡᠷ︶ ᠶᠢᠨ | ᠠᠩᠬ᠎ᠠ ᠠᠯᠬᠤᠮ ᠤᠨ ᠲᠥᠯᠥᠪᠯᠡᠭᠡ ᠪᠤᠯᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠨ᠎ᠠ︔ | ᠪᠥᠲᠥᠭᠡᠨ ᠪᠠᠶᠢᠭᠤᠯᠵᠥ ᠪᠠᠶᠢᠭ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ ᠲᠤ | ᠬᠠᠤᠯᠢ ᠶᠤᠰᠤᠭᠠᠷ ᠬᠢᠨᠠᠯᠲᠠ ᠲᠠᠯᠪᠢᠨ᠎ᠠ︔ ᠤᠷᠤᠨ ᠰᠠᠭᠤᠴᠠ ᠪᠤᠯᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠲᠠᠢ ᠬᠠᠮᠲᠤᠷᠠᠨ᠂ ᠬᠤᠲᠠ ᠶᠢᠨ ᠭᠠᠵᠠᠷ ᠲᠤᠤᠷᠠᠬᠢ ᠤᠷᠤᠨ ᠵᠠᠢ ᠶᠢ ᠲᠥᠯᠥᠪᠵᠢᠬᠦᠯᠬᠦ᠂ ᠨᠡᠭᠡᠭᠡᠨ | ᠬᠥᠭᠵᠢᠬᠦᠯᠵᠥ ᠠᠰᠢᠭᠯᠠᠬᠤ ᠪᠤᠯᠤᠨ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠨ᠎ᠠ︔ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ︵ᠪᠠᠬᠢᠯᠡᠯᠲᠡ︶ ᠶᠢᠨ ᠬᠠᠮᠢᠶᠠᠷᠤᠯᠲᠠ ᠶᠢ ᠬᠠᠷᠢᠭᠤᠴᠠᠵᠥ᠂ ᠠᠮᠤᠷ ᠲᠥᠪᠰᠢᠨ ᠢᠶᠠᠷ ᠬᠡᠷᠡᠭᠯᠡᠵᠥ᠂ | ᠬᠤᠲᠠ ᠶᠢᠨ ᠪᠥᠲᠥᠭᠡᠨ ᠪᠠᠶᠢᠭᠤᠯᠤᠯᠲᠠ ᠵᠢᠴᠢ ᠬᠤᠲᠠ ᠶᠢᠨ ᠭᠠᠵᠠᠷ ᠲᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ | ᠠᠵᠢᠯ ᠳᠤ ᠬᠢᠨᠠᠯᠲᠠ ᠲᠠᠯᠪᠢᠵᠥ ᠵᠢᠯᠤᠭᠤᠲᠤᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠠᠷᠬᠠᠭᠠᠬᠤ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠵᠤᠬᠢᠶᠠᠨ ᠪᠠᠶᠢᠭᠤᠯᠤᠨ᠎ᠠ᠃ | 5. ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠠᠭ ᠴᠢᠮᠡᠭᠡᠨ ᠤ | ᠰᠢᠰᠲ᠋ᠧᠮ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠤᠰᠢᠭᠤ ᠰᠢᠶᠠᠨ | ᠬᠤᠲᠠ ︵ᠤᠷᠤᠨ︶ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠵᠢᠯᠤᠭᠤᠲᠤᠨ᠎ᠠ᠃ | 6. ᠬᠤᠲᠠ ᠶᠢᠨ ᠠᠭᠠᠷ ᠤᠨ ᠲᠠᠭᠠᠷᠢᠯᠲᠠ ᠶᠢ ᠰᠡᠷᠭᠡᠶᠢᠯᠡᠬᠦ ᠲᠥᠰᠥᠯ ᠪᠤᠯᠤᠨ ᠡᠯ᠎ᠠ ᠵᠥᠢᠯ ᠤᠨ ᠪᠠᠲᠤᠯᠠᠭ᠎ᠠ ᠶᠢᠨ | ᠲᠥᠯᠥᠪᠯᠡᠭᠡ ᠶᠢ ᠵᠤᠬᠢᠶᠠᠨ ᠪᠠᠶᠢᠭᠤᠯᠤᠨ ᠲᠤᠭᠤᠷᠪᠢᠵᠥ᠂ ᠬᠤᠲᠠ ᠶᠢᠨ ᠴᠢᠬᠤᠯᠠ ᠠᠵᠤ ᠠᠬᠤᠢ ᠶᠢ ᠬᠠᠮᠠᠭᠠᠯᠠᠬᠤ | ᠬᠠᠷᠠᠯᠲᠠ ᠪᠤᠯᠤᠨ ᠡᠯ᠎ᠠ ᠵᠥᠢᠯ ᠤᠨ ᠪᠠᠲᠤᠯᠠᠭ᠎ᠠ ᠶᠢᠨ ᠲᠥᠰᠥᠯ ᠢ ᠵᠢᠯᠤᠭᠤᠳᠬᠤ ᠪᠥᠭᠡᠳ ᠬᠢᠨᠠᠯᠲᠠ ᠲᠠᠯᠪᠢᠵᠥ | ᠪᠠᠶᠢᠴᠠᠭᠠᠨ᠎ᠠ᠃ | 7. ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠰᠬᠠᠢ ᠡᠩᠨᠡᠭᠡ ᠶᠢᠨ ᠪᠥᠲᠥᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠶᠢ ᠵᠤᠬᠢᠶᠠᠨ | ᠪᠠᠶᠢᠭᠤᠯᠬᠤ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠲᠡᠯᠭᠡ ᠶᠢᠨ ᠬᠥᠮᠥᠵᠢᠯ ᠢ ᠥᠷᠨᠢᠬᠦᠯᠥᠨ᠎ᠠ︔ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠢᠯᠲᠠ ᠪᠤᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠤᠲᠤᠯᠭᠠᠨ ᠢ ᠵᠤᠬᠢᠶᠠᠨ ᠪᠠᠶᠢᠭᠤᠯᠤᠨ᠎ᠠ᠃ | 8. ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠵᠠᠷᠤᠲᠠᠯ ᠰᠥᠢᠳᠭᠡᠯ ᠢ | ᠬᠤᠷᠠᠮᠲᠤᠭᠤᠯᠬᠤ ᠪᠤᠯᠤᠨ ᠬᠠᠮᠢᠶᠠᠷᠬᠤ ᠶᠢ ᠬᠠᠷᠢᠭᠤᠴᠠᠵᠥ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠢᠰᠲ᠋ᠧᠮ ᠤᠨ ᠲᠤᠲᠤᠭᠠᠲᠤᠬᠢ ᠬᠢᠨᠠᠨ ᠪᠤᠲᠤᠯᠲᠠ ᠪᠤᠯᠤᠨ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠲᠤᠰᠬᠠᠢ | ᠬᠠᠮᠢᠶᠠᠷᠤᠯᠲᠠ ᠶᠢ ᠬᠠᠷᠢᠭᠤᠴᠠᠨ᠎ᠠ᠃ | 9. ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠤᠭᠠᠨ ᠤ ᠴᠠᠭᠲᠠᠭᠠᠨ ᠳᠤ ᠮᠡᠲᠡᠬᠦᠯᠬᠦ | ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ︔ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠦᠷᠠᠨ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠤᠭᠠᠨ ᠤ ᠲᠥᠭᠦᠭᠡᠷᠥᠮᠵᠢ᠂ ᠠᠭᠠᠷ ᠤᠨ | ᠰᠡᠷᠭᠡᠶᠢᠯᠡᠯᠲᠡ ᠶᠢᠨ ᠴᠠᠭᠲᠠᠭᠠᠨ ᠳᠤ ᠮᠡᠲᠡᠬᠦᠯᠬᠦ ᠰᠢᠰᠲ᠋ᠧᠮ ᠢ ᠠᠰᠢᠭᠯᠠᠨ ᠠᠵᠤ ᠠᠬᠤᠢ ᠶᠢᠨ ᠪᠥᠲᠥᠭᠡᠨ | ᠪᠠᠶᠢᠭᠤᠯᠤᠯᠲᠠ ᠪᠤᠯᠤᠨ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ ᠠᠪᠤᠷᠬᠠᠤ ᠳᠤ ᠥᠢᠯᠡᠴᠢᠯᠡᠬᠦ ᠠᠵᠢᠯ ᠢ | ᠰᠠᠶᠢᠲᠤᠷ ᠬᠢᠨ᠎ᠠ᠃ | 10. ᠲᠠᠶᠢᠨ ᠤ ᠥᠶ᠎ᠠ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠠᠭᠠᠷ ᠤᠨ ᠲᠠᠭᠠᠷᠢᠯᠲᠠ ᠶᠢᠨ | ᠰᠡᠷᠭᠡᠶᠢᠯᠡᠬᠦ ᠵᠢᠯᠤᠭᠤᠲᠤᠯᠭ᠎ᠠ ᠶᠢ ᠪᠥᠲᠥᠮᠵᠢᠲᠡᠢ ᠬᠡᠷᠡᠭᠵᠢᠬᠦᠯᠬᠦ ᠶᠢ ᠪᠠᠲᠤᠯᠠᠨ᠎ᠠ︔ ᠲᠠᠶᠢᠨ ᠤ ᠥᠶ᠎ᠠ ᠳᠤ᠂ | ᠬᠡᠨᠡᠳᠲᠡ ᠶᠢᠨ ᠲᠠᠭᠠᠷᠢᠯᠲᠠ ᠶᠢ ᠴᠠᠭᠲᠠᠭᠠᠨ ᠳᠤ ᠮᠡᠲᠡᠬᠦᠯᠬᠦ ᠪᠤᠯᠤᠨ ᠳ᠋ᠸᠡᠭ ᠬᠡᠷᠡᠯᠲᠥᠬᠦᠯᠭᠡ ᠶᠢ ᠵᠠᠬᠢᠷᠤᠨ ᠬᠠᠮᠢᠶᠠᠷᠬᠤ᠂ | ᠬᠥᠮᠥᠨ ᠬᠠᠷ᠎ᠠ ᠶᠢ ᠲᠠᠷᠬᠠᠭᠠᠠᠨ ᠲᠠᠯᠲᠠᠯᠠᠬᠤ ᠶᠢ ᠬᠠᠷᠢᠭᠤᠴᠠᠵᠥ᠂ ᠭᠠᠵᠠᠷ ᠲᠤᠤᠷᠠᠬᠢ ᠠᠭᠠᠷ ᠤᠨ ᠰᠡᠷᠭᠡᠶᠢᠯᠡᠯᠲᠡ | ᠪᠤᠯᠤᠨ ᠬᠤᠲᠠ ᠶᠢᠨ ᠰᠡᠷᠭᠡᠶᠢᠯᠡᠨ ᠪᠠᠶᠢᠯᠲᠤᠬᠤ ᠲᠠᠶᠢᠯᠠᠯᠲᠤᠭᠠᠨ ᠲᠠᠢ ᠬᠠᠮᠲᠤᠷᠠᠨ᠂ ᠬᠠᠮᠢᠶ᠎ᠠ ᠪᠥᠬᠦᠢ ᠰᠠᠯᠠᠭ᠎ᠠ | ᠮᠥᠴᠢᠷ ᠢ ᠬᠠᠪᠰᠤᠷᠤᠨ ᠠᠮᠢᠲᠤᠷᠠᠯ ᠤᠨ ᠬᠠᠨᠭ᠍ᠭᠠᠯᠭ᠎ᠠ ᠪᠤᠯᠤᠨ ᠪᠤᠰᠤᠳ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠥ᠂ | ᠠᠭᠠᠷ ᠤᠨ ᠲᠠᠭᠠᠷᠢᠯᠲᠠ ᠶᠢᠨ ᠤᠷᠰᠢᠭ ᠢ ᠵᠤᠬᠢᠶᠠᠨ ᠪᠠᠶᠢᠭᠤᠯᠤᠨ ᠠᠷᠢᠯᠭᠠᠨ᠎ᠠ᠃ | 11. ᠰᠢᠯᠢ ᠶᠢᠨ ᠭᠤᠤᠯ ᠠᠶᠢᠮᠠᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ ᠶᠢᠨ ᠵᠥᠪᠯᠡᠯ | ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ᠂ ᠴᠡᠷᠢᠭ ᠤᠨ ᠬᠤᠪᠢᠶᠠᠷᠢ ᠲᠤᠭᠤᠷᠢᠭ ᠵᠢᠴᠢ ᠥᠪᠡᠷᠲᠡᠭᠡᠨ ᠵᠠᠰᠠᠬᠤ | ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠠᠴᠠ ᠲᠤᠰᠢᠶᠠᠨ ᠬᠢᠯᠭᠡᠬᠦ ᠪᠤᠰᠤᠳ ᠵᠥᠢᠯ ᠢ | ᠲᠠᠭᠠᠭᠠᠴᠢᠯᠠᠨ ᠬᠢᠨ᠎ᠠ᠃ | ︵ᠬᠤᠶᠠᠷ︶ ᠲᠤᠲᠤᠭᠠᠲᠤ ᠪᠠᠶᠢᠭᠤᠯᠤᠮᠵᠢ ᠶᠢᠨ ᠡᠬᠦᠷᠭᠡ ᠬᠠᠷᠢᠭᠤᠴᠠᠯᠭ᠎ᠠ | 1. ᠶᠡᠷᠥᠩᠭᠡᠶᠢᠯᠡᠭᠰᠡᠨ ᠰᠠᠯᠠᠭ᠎ᠠ | ᠤᠲᠤᠷᠢᠲᠤᠯᠭ᠎ᠠ ᠳᠤ ᠬᠠᠪᠰᠤᠷᠴᠥ᠂ ᠪᠠᠶᠢᠭᠤᠯᠭ᠎ᠠ ᠶᠢᠨ ᠡᠲᠥᠷ ᠲᠤᠲᠤᠮ ᠤᠨ ᠠᠵᠢᠯ ᠢ ᠰᠢᠢᠳᠪᠤᠷᠢᠯᠡᠵᠥ᠂ | ᠪᠠᠶᠢᠭᠤᠯᠭ᠎ᠠ ᠶᠢᠨ ᠵᠠᠰᠠᠭ ᠤᠨ ᠶᠠᠪᠤᠲᠠᠯ᠂ ᠬᠡᠷᠡᠭ ᠶᠠᠪᠤᠲᠠᠯ ᠢ ᠬᠠᠷᠢᠭᠤᠴᠠᠨ᠎ᠠ︔ ᠪᠠᠶᠢᠭᠤᠯᠭ᠎ᠠ ᠪᠤᠯᠤᠨ ᠬᠠᠷᠢᠶᠠᠲᠤ | ᠪᠠᠶᠢᠭᠤᠯᠤᠮᠵᠢ ᠶᠢᠨ ᠤᠷᠤᠨ ᠲᠤᠭ᠎ᠠ᠂ ᠠᠵᠢᠯᠲᠠᠨ ᠤ ᠶᠠᠪᠤᠲᠠᠯ ᠤᠨ ᠬᠠᠮᠢᠶᠠᠷᠤᠯᠲᠠ ᠶᠢ ᠬᠠᠷᠢᠭᠤᠴᠠᠨ᠎ᠠ︔ | ᠶᠡᠷᠥᠩᠭᠡᠶᠢᠯᠡᠭᠰᠡᠨ ᠪᠠᠶᠢᠴᠠᠭᠠᠨ ᠰᠤᠲᠤᠯᠤᠯᠲᠠ ᠬᠢᠬᠦ᠂ ᠲᠥᠷᠥ ᠶᠢᠨ ᠪᠤᠲᠤᠯᠭ᠎ᠠ ᠰᠤᠲᠤᠯᠬᠤ᠂ ᠬᠤᠷᠠᠯ ᠵᠤᠬᠢᠶᠠᠨ | ᠪᠠᠶᠢᠭᠤᠯᠬᠤ᠂ ᠡᠭᠡ ᠪᠢᠴᠢᠭ ᠨᠤᠤᠷᠠᠭᠯᠠᠬᠤ᠂ ᠰᠤᠷᠠᠭ ᠴᠢᠮᠡᠭᠡ ᠪᠤᠯᠤᠨ ᠠᠯᠪᠠᠨ ᠭᠡᠷ ᠤᠨ ᠠᠦ᠋ᠲᠴᠢᠯᠠᠭᠰᠠᠨ | ᠬᠠᠮᠢᠶᠠᠷᠤᠯᠲᠠ᠂ ᠨᠠᠷᠢᠨ ᠪᠢᠴᠢᠭᠡᠴᠢ ᠲᠠᠩᠰᠠ ᠡᠪᠭᠡᠮᠡᠯ᠂ ᠨᠢᠭᠤᠴᠠ ᠶᠢ ᠬᠠᠮᠠᠭᠠᠯᠠᠬᠤ ᠠᠮᠤᠷ ᠢ ᠬᠠᠮᠠᠭᠠᠯᠠᠬᠤ ᠵᠡᠷᠭᠡ | ᠠᠵᠢᠯ ᠢ ᠬᠠᠷᠢᠭᠤᠴᠠᠨ᠎ᠠ︔ ᠶᠡᠷᠥᠩᠭᠡᠶᠢᠯᠡᠨ ᠵᠠᠰᠠᠬᠤ ᠪᠤᠯᠤᠨ ᠤᠶᠤᠨ ᠰᠠᠨᠠᠭᠠᠨ ᠤ ᠪᠤᠯᠪᠠᠰᠤᠨ ᠢ ᠡᠬᠦᠲᠥᠨ | ᠪᠠᠶᠢᠭᠤᠯᠬᠤ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠪᠠᠶᠢᠭᠤᠯᠤᠯᠲᠠ ᠵᠢᠴᠢ ᠠᠵᠢᠯ ᠠᠴᠠ ᠰᠠᠯᠵᠥ | ᠠᠮᠤᠰᠬᠢᠭᠰᠠᠨ ᠪᠠ ᠨᠠᠰᠤᠨ ᠤ ᠠᠮᠠᠷᠠᠯᠲᠠ ᠪᠠᠨ ᠠᠪᠤᠭᠰᠠᠨ ᠬᠥᠮᠥᠰ ᠤᠨ ᠬᠠᠮᠢᠶᠠᠷᠤᠯᠲᠠ ᠪᠤᠯᠤᠨ ᠥᠢᠯᠡᠴᠢᠯᠡᠭᠡ ᠶᠢ | ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠳ᠋ ᠤᠨ ᠶᠠᠪᠤᠲᠠᠯ ᠤᠨ ᠲᠥᠯᠥᠪᠯᠡᠭᠡ ᠪᠤᠯᠤᠨ | ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠢ ᠲᠤᠭᠲᠠᠭᠠᠯ ᠢ ᠬᠠᠷᠢᠭᠤᠴᠠᠨ | ᠲᠤᠭᠲᠠᠭᠠᠨ᠎ᠠ︔ ᠵᠠᠷᠤᠲᠠᠯ ᠰᠥᠢᠳᠭᠡᠯ ᠤᠨ ᠤᠷᠤᠯᠭ᠎ᠠ ᠵᠠᠷᠤᠯᠭ᠎ᠠ ᠶᠢ ᠬᠢᠨᠠᠨ ᠬᠠᠮᠢᠶᠠᠷᠴᠥ᠂ ᠵᠠᠷᠤᠲᠠᠯ ᠰᠥᠢᠳᠭᠡᠯ ᠢ | ᠬᠡᠷᠡᠭᠯᠡᠭᠰᠡᠨ ᠪᠠᠶᠢᠲᠠᠯ ᠢ ᠬᠢᠨᠠᠨ ᠪᠤᠲᠤᠵᠥ ᠬᠢᠨᠠᠯᠲᠠ ᠲᠠᠯᠪᠢᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠤᠯᠤᠰ ᠤᠨ ᠡᠳ᠋ ᠬᠥᠷᠥᠩᠭᠡ ᠡᠳ᠋ ᠤᠨ ᠶᠠᠪᠤᠲᠠᠯ ᠤᠨ ᠬᠠᠮᠢᠶᠠᠷᠤᠯᠲᠠ ᠪᠤᠯᠤᠨ ᠲᠤᠲᠤᠭᠠᠲᠤᠬᠢ ᠬᠢᠨᠠᠨ ᠪᠤᠲᠤᠬᠤ | ᠠᠵᠢᠯ ᠢ ᠬᠠᠷᠢᠭᠤᠴᠠᠨ᠎ᠠ︔ ᠪᠥᠬᠦ ᠵᠢᠯ ᠤᠨ ᠡᠳ᠋ ᠤᠨ ᠶᠠᠪᠤᠲᠠᠯ ᠤᠨ ᠲᠥᠰᠥᠪ ᠪᠤᠯᠤᠨ ᠲᠥᠰᠥᠪ ᠤᠨ ᠬᠥᠢᠴᠡᠳᠭᠡᠯ ᠢ | ᠨᠠᠶᠢᠷᠠᠭᠤᠯᠤᠨ ᠮᠡᠲᠡᠬᠦᠯᠥᠨᠠ︔ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠲᠥᠰᠥᠪ ᠪᠤᠯᠤᠨ | ᠲᠥᠰᠥᠪ ᠤᠨ ᠬᠥᠢᠴᠡᠳᠭᠡᠯ ᠢ ᠬᠢᠨᠠᠨ ᠪᠠᠶᠢᠴᠠᠭᠠᠨ᠎ᠠ︔ ᠪᠠᠶᠢᠭᠤᠯᠭ᠎ᠠ ᠶᠢᠨ ᠡᠳ᠋ ᠤᠨ ᠶᠠᠪᠤᠲᠠᠯ ᠤᠨ ᠠᠵᠢᠯ ᠢ | ᠬᠠᠷᠢᠭᠤᠴᠠᠨ᠎ᠠ᠃ | 2. ᠢᠨᠵᠧᠨᠧᠷᠢᠩ ᠤᠨ ᠰᠠᠯᠠᠭ᠎ᠠ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠬᠦᠯᠭᠡ ᠶᠢ ᠬᠠᠷᠢᠭᠤᠴᠠᠨ ᠨᠠᠶᠢᠷᠠᠭᠤᠯᠬᠤ ᠪᠥᠭᠡᠳ ᠵᠤᠬᠢᠶᠠᠨ ᠪᠠᠶᠢᠭᠤᠯᠤᠨ ᠬᠡᠷᠡᠭᠵᠢᠬᠦᠯᠥᠨ᠎ᠠ︔ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠶᠡᠷᠥᠩᠭᠡᠶᠢᠯᠡᠭᠰᠡᠨ ᠲᠤᠭ᠎ᠠ ᠪᠥᠷᠢᠳᠭᠡᠯ ᠢ ᠬᠠᠷᠢᠭᠤᠴᠠᠨ᠎ᠠ︔ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ︵ᠠᠭᠠᠷ ᠤᠨ ᠰᠡᠷᠭᠡᠶᠢᠯᠡᠯᠲᠡ ᠶᠢᠨ ᠭᠠᠵᠠᠷ ᠲᠤᠤᠷᠠᠬᠢ ᠭᠡᠷ︶ ᠤᠨ ᠠᠩᠬᠠᠨ ᠤ | ᠵᠢᠷᠤᠭ ᠲᠥᠯᠥᠪᠯᠡᠭᠡ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠲᠠᠭᠤᠰᠬᠠᠵᠥ ᠰᠢᠯᠭᠠᠨ ᠪᠠᠶᠢᠴᠠᠭᠠᠬᠤ | ᠲᠠᠩᠰᠠᠠᠯᠠᠬᠤ ᠶᠢ ᠬᠢᠨᠠᠨ ᠪᠠᠶᠢᠴᠠᠭᠠᠬᠤ ᠵᠢᠴᠢ ᠲᠠᠩᠰᠠ ᠡᠪᠭᠡᠮᠡᠯ ᠪᠠᠶᠢᠭᠤᠯᠬᠤ᠂ ᠶᠠᠰᠤ ᠴᠢᠨᠠᠷ ᠲᠤ ᠬᠢᠨᠠᠯᠲᠠ ᠲᠠᠯᠪᠢᠬᠤ | ᠪᠤᠯᠤᠨ ᠲᠤᠭᠲᠠᠭᠰᠠᠨ ᠠᠵᠢᠯ ᠢ ᠬᠠᠷᠢᠭᠤᠴᠠᠨ᠎ᠠ︔ ᠪᠥᠲᠥᠭᠡᠨ ᠪᠠᠶᠢᠭᠤᠯᠵᠥ ᠪᠠᠶᠢᠭ᠎ᠠ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ ᠲᠤ ᠬᠠᠤᠯᠢ ᠶᠤᠰᠤᠭᠠᠷ ᠬᠢᠨᠠᠯᠲᠠ ᠲᠠᠯᠪᠢᠨ᠎ᠠ︔ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠤᠨᠤᠭ ᠲᠥᠭᠦᠭᠡᠷᠥᠮᠵᠢ ᠶᠢ ᠰᠡᠯᠪᠢᠨ | ᠵᠠᠰᠠᠵᠥ ᠬᠠᠮᠢᠶᠠᠷᠬᠤ ᠪᠤᠯᠤᠨ ᠨᠡᠭᠡᠭᠡᠨ ᠬᠥᠭᠵᠢᠬᠦᠯᠬᠦ ᠵᠢᠴᠢ ᠥᠭᠡᠷᠡᠴᠢᠯᠡᠨ ᠪᠠᠶᠢᠭᠤᠯᠬᠤ᠂ ᠨᠤᠷᠠᠭᠠᠬᠤ᠂ | ᠠᠰᠢᠭᠯᠠᠯᠲᠠ ᠠᠴᠠ ᠭᠠᠷᠭᠠᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠡᠩ ᠤᠨ ᠥᠶ᠎ᠠ ᠪᠠ ᠲᠠᠶᠢᠨ ᠤ ᠥᠶ᠎ᠠ ᠶᠢᠨ ᠴᠢᠲᠠᠪᠬᠢ ᠶᠢ ᠰᠤᠯᠢᠬᠤ | ᠲᠥᠰᠥᠯ ᠢ ᠲᠤᠭᠲᠠᠭᠠᠬᠤ ᠪᠥᠭᠡᠳ ᠵᠤᠬᠢᠶᠠᠨ ᠪᠠᠶᠢᠭᠤᠯᠤᠨ ᠬᠡᠷᠡᠭᠵᠢᠬᠦᠯᠥᠨ᠎ᠠ︔ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠶᠡᠷᠥᠩᠭᠡᠶᠢᠯᠡᠭᠰᠨᠨ ᠰᠤᠷᠠᠭ ᠴᠢᠮᠡᠭᠡᠨ ᠤ ᠲᠤᠭ᠎ᠠ ᠪᠥᠷᠢᠳᠭᠡᠯ ᠢ ᠬᠠᠷᠢᠭᠤᠴᠠᠨ᠎ᠠ︔ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠪᠡᠯᠡ ᠬᠤᠷᠠᠮᠲᠤᠭᠤᠯᠬᠤ ᠶᠢ ᠬᠠᠷᠢᠭᠤᠴᠠᠨ᠎ᠠ︔ | ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠪᠥᠲᠥᠭᠡᠨ | ᠪᠠᠶᠢᠭᠤᠯᠬᠤ ᠪᠤᠯᠤᠨ ᠪᠡᠯᠡ ᠬᠤᠷᠠᠮᠲᠤᠭᠤᠯᠬᠤ ᠠᠵᠢᠯ ᠢ ᠵᠢᠯᠤᠭᠤᠲᠤᠨ᠎ᠠ᠃ | 3. ᠴᠢᠮᠡᠭᠡ ᠬᠤᠯᠪᠤᠭᠠᠨ ᠤ ᠵᠢᠯᠤᠭᠤᠳᠬᠤ ᠰᠠᠯᠠᠭ᠎ᠠ | ᠬᠤᠲᠠ ᠶᠢᠨ ᠠᠭᠠᠷ ᠤᠨ ᠲᠠᠭᠠᠷᠢᠯᠲᠠ ᠶᠢ ᠰᠡᠷᠭᠡᠶᠢᠯᠡᠬᠦ ᠲᠥᠰᠥᠯ᠂ ᠪᠠᠴᠢᠮ ᠪᠠᠶᠢᠲᠠᠯ ᠢ ᠠᠷᠭᠠᠴᠠᠬᠤ | ᠠᠵᠢᠯᠯᠠᠭᠠᠨ ᠤ ᠲᠥᠰᠥᠯ ᠪᠤᠯᠤᠨ ᠡᠯ᠎ᠠ ᠵᠥᠢᠯ ᠤᠨ ᠪᠠᠲᠤᠯᠠᠭ᠎ᠠ ᠶᠢᠨ ᠲᠥᠯᠥᠪᠯᠡᠭᠡ ᠶᠢ ᠬᠠᠷᠢᠭᠤᠴᠠᠨ ᠲᠤᠭᠤᠷᠪᠢᠨ᠎ᠠ︔ | ᠠᠷᠠᠳ ᠤᠨ ᠠᠭᠠᠷ ᠤᠨ ᠰᠡᠷᠭᠡᠶᠢᠯᠡᠯᠲᠡ᠂ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ ᠠᠪᠤᠷᠠᠬᠤ ᠲᠤᠰᠬᠠᠢ | ᠡᠩᠨᠡᠭᠡ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ︔ ᠠᠭᠠᠷ ᠤᠨ ᠲᠠᠭᠠᠷᠢᠯᠲᠠ ᠶᠢ | ᠰᠡᠷᠭᠡᠶᠢᠯᠡᠬᠦ ᠪᠠ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ ᠠᠪᠤᠷᠠᠬᠤ ᠰᠤᠷᠢᠯᠲᠠ ᠶᠢ ᠵᠤᠬᠢᠶᠠᠨ ᠪᠠᠶᠢᠭᠤᠯᠤᠨ᠎ᠠ︔ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠠᠭ ᠴᠢᠮᠡᠭᠡᠵᠢᠯᠲᠡ ᠶᠢᠨ ᠪᠥᠲᠥᠭᠡᠨ ᠪᠠᠶᠢᠭᠤᠯᠤᠯᠲᠠ ᠶᠢ | ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠵᠢᠴᠢ ᠪᠠᠴᠢᠮ ᠪᠠᠶᠢᠲᠠᠯ ᠢ ᠠᠷᠭᠠᠴᠠᠵᠥ ᠭᠠᠮᠰᠢᠭ ᠠᠴᠠ | ᠠᠪᠤᠷᠠᠬᠤ ᠰᠤᠷᠠᠭ ᠴᠢᠮᠡᠭᠡᠵᠢᠯᠲᠡ ᠶᠢᠨ ᠵᠢᠯᠭᠤᠳᠬᠤ ᠲᠠᠪᠴᠠᠩ ᠢ ᠪᠠᠶᠢᠭᠤᠯᠵᠥ᠂ ᠰᠤᠷᠠᠭ ᠴᠢᠮᠡᠭᠡᠨ ᠤ ᠪᠠᠲᠤᠯᠠᠭ᠎ᠠ | ᠥᠢᠯᠡᠴᠢᠯᠡᠭᠡ ᠬᠠᠨᠭ᠍ᠭᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠲᠠᠰᠤᠲᠤ ᠪᠠ ᠤᠳᠠᠰᠥ ᠥᠬᠡᠢ ᠴᠢᠮᠡᠭᠡ | ᠬᠤᠯᠪᠤᠭᠠᠨ ᠤ ᠪᠠᠲᠤᠯᠠᠭ᠎ᠠ ᠶᠢ ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠤᠭ᠎ᠠ | ᠂ ᠴᠠᠭᠲᠠᠭᠠᠨ ᠳᠤ ᠮᠡᠲᠡᠬᠦᠯᠬᠦ ᠰᠥᠯᠵᠢᠶ᠎ᠠ ᠶᠢᠨ ᠪᠠᠶᠢᠭᠤᠯᠤᠯᠲᠠ ᠶᠢᠨ ᠲᠥᠯᠥᠪᠵᠢᠬᠦᠯᠭᠡ ᠶᠢ ᠲᠤᠭᠲᠠᠭᠠᠬᠤ ᠪᠥᠭᠡᠳ | ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ︔ ᠠᠶᠢᠮᠠᠭ ᠤᠨ ᠱᠠᠲᠤᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠵᠢᠯᠤᠭᠤᠳᠬᠤ ᠭᠠᠵᠠᠷ ᠪᠤᠯᠤᠨ ᠨᠡᠬᠦᠲᠡᠯ ᠵᠢᠯᠤᠭᠤᠳᠬᠤ ᠭᠠᠵᠠᠷ ᠤᠨ ᠪᠥᠲᠥᠭᠡᠨ ᠪᠠᠶᠢᠭᠤᠯᠤᠯᠲᠠ | ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠥᠬᠦ ᠠᠶᠢᠮᠠᠭ ᠤᠨ ᠴᠢᠬᠤᠯᠠ ᠠᠵᠤ ᠠᠬᠤᠢ ᠶᠢᠨ | ᠬᠠᠷᠠᠯᠲᠠ ᠶᠢᠨ ᠠᠵᠢᠯ ᠢ ᠵᠢᠯᠤᠭᠤᠲᠤᠨ᠎ᠠ︔ ᠲᠠᠶᠢᠨ ᠤ ᠪᠡᠯᠡᠳᠭᠡᠯ ᠤᠨ ᠵᠢᠵᠢᠬᠦᠷᠯᠡᠬᠦ ᠠᠵᠢᠯ ᠢ ᠬᠠᠷᠢᠭᠤᠴᠠᠨ᠎ᠠ᠃ | 4. ᠬᠠᠤᠯᠢ ᠲᠥᠷᠢᠮ ᠤᠨ ᠤᠬᠠᠭᠤᠯᠭ᠎ᠠ ᠶᠢᠨ ᠰᠠᠯᠠᠭ᠎ᠠ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ᠂ ᠬᠢᠨᠠᠯᠲᠠ ᠲᠠᠯᠪᠢᠵᠥ | ᠪᠠᠶᠢᠴᠠᠭᠠᠬᠤ᠂ ᠵᠠᠰᠠᠭ ᠵᠠᠬᠢᠷᠭᠠᠨ ᠤ ᠬᠤᠷᠠᠯ ᠵᠡᠷᠭᠡ ᠠᠵᠢᠯ ᠢ ᠬᠠᠷᠢᠭᠤᠴᠠᠨ᠎ᠠ︔ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠥᠮᠥᠵᠢᠯ᠂ ᠠᠭᠠᠷ ᠤᠨ ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢᠨ ᠮᠡᠲᠡᠯᠭᠡ ᠶᠢ | ᠤᠬᠠᠭᠤᠯᠬᠤ ᠵᠢᠴᠢ ᠪᠤᠯᠪᠠᠰᠤᠷᠠᠯ ᠬᠥᠷᠲᠡᠭᠡᠬᠦ ᠠᠵᠢᠯ ᠢ ᠬᠠᠷᠢᠭᠤᠴᠠᠨ᠎ᠠ᠃ | 5. ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠠᠭ ᠴᠢᠮᠡᠭᠡ ᠶᠢ ᠵᠢᠯᠤᠭᠤᠳᠬᠤ | ᠪᠠᠲᠤᠯᠠᠭᠠᠨ ᠤ ᠲᠥᠪ | ︵1︶ ᠲᠤᠰ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠲᠠᠰᠤᠲᠤ᠂ ᠤᠲᠠᠰᠤ ᠥᠭᠡᠢ | ᠴᠢᠮᠡᠭᠡ ᠬᠤᠯᠪᠤᠭ᠎ᠠ ᠶᠢ ᠬᠠᠷᠢᠭᠤᠴᠠᠵᠥ᠂ ᠵᠢᠵᠢᠬᠦᠷᠯᠡᠬᠦ ᠵᠢᠴᠢ ᠲᠤᠨᠤᠭ ᠲᠥᠭᠦᠭᠡᠷᠥᠮᠵᠢ ᠶᠢ ᠰᠡᠯᠪᠢᠨ ᠵᠠᠰᠠᠬᠤ | ᠬᠠᠮᠢᠶᠠᠷᠤᠯᠲᠠ ᠪᠤᠯᠤᠨ ᠮᠡᠷᠭᠡᠵᠢᠯ ᠤᠨ ᠪᠠᠲᠤᠯᠠᠭ᠎ᠠ ᠶᠢ ᠬᠠᠷᠢᠭᠤᠴᠠᠨ᠎ᠠ᠃ | ︵2︶ ᠪᠥᠬᠦ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠳᠬᠤ ᠭᠠᠵᠠᠷ ᠤᠨ ᠴᠢᠮᠡᠭᠡ | ᠬᠤᠯᠪᠤᠭᠠᠨ ᠤ ᠵᠢᠵᠢᠬᠦᠷ ᠵᠢᠴᠢ ᠴᠢᠮᠡᠭᠡ ᠬᠤᠯᠪᠤᠭᠠᠨ ᠤ ᠬᠠᠮᠢᠶ᠎ᠠ ᠪᠥᠬᠦᠢ ᠲᠤᠨᠤᠭ ᠲᠥᠭᠦᠭᠡᠷᠥᠮᠵᠢ ᠶᠢ ᠠᠰᠢᠭᠯᠠᠬᠤ | ᠪᠠ ᠬᠠᠮᠠᠭᠠᠯᠠᠬᠤ ᠠᠵᠢᠯ ᠢ ᠲᠠᠭᠠᠭᠠᠴᠢᠯᠠᠨ᠎ᠠ᠃ | ︵3︶ ᠴᠢᠮᠡᠭᠡ ᠬᠤᠯᠪᠤᠭᠠᠨ ᠤ ᠵᠢᠯᠤᠭᠤᠳᠬᠤ ᠰᠠᠯᠠᠭ᠎ᠠ ᠲᠠᠢ ᠬᠠᠮᠵᠢᠯᠴᠠᠨ᠂ ᠪᠥᠬᠦ ᠠᠶᠢᠮᠠᠭ ᠤᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠵᠢᠯᠤᠭᠤᠲᠤᠯᠭ᠎ᠠ ᠶᠢᠨ ᠠᠦ᠋ᠲ᠋ᠤᠴᠢᠯᠠᠭᠰᠠᠨ ᠰᠥᠯᠵᠢᠶ᠎ᠠ᠂ ᠴᠠᠭᠲᠠᠭᠠᠨ ᠳᠤ ᠮᠡᠲᠡᠬᠦᠯᠬᠦ | ᠴᠢᠮᠡᠭᠡ ᠬᠤᠯᠪᠤᠭᠠᠨ ᠤ ᠰᠥᠯᠵᠢᠶ᠎ᠠ ᠶᠢᠨ ᠪᠠᠶᠢᠭᠤᠯᠤᠯᠲᠠ ᠶᠢᠨ ᠲᠥᠯᠥᠪᠵᠢᠬᠦᠯᠭᠡ᠂ ᠴᠠᠭᠲᠠᠭᠠᠨ ᠳᠤ ᠮᠡᠲᠡᠬᠦᠯᠬᠦ ᠴᠡᠭ ᠢ | ᠲᠤᠬᠢᠷᠠᠭᠤᠯᠬᠤ ᠠᠵᠢᠯ ᠢ ᠰᠠᠶᠢᠲᠤᠷ ᠬᠢᠨ᠎ᠠ᠃ | ︵4︶ ᠲᠤᠰ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠤᠯᠪᠠᠰᠤᠷᠠᠯ᠂ ᠰᠤᠷᠢᠯᠲᠠ ᠲᠤᠮᠲᠠᠬᠢ | ᠴᠢᠮᠡᠭᠡ ᠬᠤᠯᠪᠤᠭᠠᠨ ᠤ ᠮᠡᠷᠭᠡᠵᠢᠯ ᠢ ᠪᠠᠲᠤᠯᠠᠬᠤ ᠡᠷᠬᠦᠭᠡ ᠶᠢ ᠲᠠᠭᠠᠭᠠᠴᠢᠯᠠᠨ᠎ᠠ᠃ | ︵5︶ ᠪᠥᠬᠦ ᠠᠶᠢᠮᠠᠭ ᠤᠨ ᠴᠠᠭᠲᠠᠭᠠᠨ ᠳᠤ ᠮᠡᠲᠡᠬᠦᠯᠬᠦ ᠬᠠᠮᠠᠭᠠᠯᠠᠯᠲᠠ᠂ ᠬᠠᠮᠢᠶᠠᠷᠤᠯᠲᠠ ᠶᠢᠨ ᠬᠠᠮᠢᠶ᠎ᠠ ᠪᠥᠬᠦᠢ | ᠲᠥᠷᠢᠮ᠂ ᠲᠤᠭᠲᠠᠭᠠᠯ ᠢ ᠬᠠᠷᠢᠭᠤᠴᠠᠨ ᠲᠤᠭᠲᠠᠭᠠᠵᠥ᠂ ᠮᠡᠲᠡᠬᠦᠯᠥᠯᠲᠡ ᠪᠤᠯᠤᠨ ᠰᠠᠨᠠᠭᠤᠯᠭ᠎ᠠ ᠲᠤᠷᠠᠲᠤᠨᠠ᠃ | ︵6︶ ᠴᠠᠭᠲᠠᠭᠠᠨ ᠳᠤ ᠮᠡᠲᠡᠬᠦᠯᠬᠦ ᠬᠠᠮᠢᠶᠠᠷᠤᠯᠲᠠ ᠶᠢ ᠪᠤᠲᠠᠲᠠᠢ ᠬᠥᠢᠴᠡᠳᠭᠡᠬᠦ ᠬᠥᠮᠥᠰ ᠤᠨ ᠲᠤᠬᠠᠢᠢᠯᠠᠭᠰᠠᠨ | ᠠᠵᠢᠯ ᠤᠨ ᠰᠤᠷᠤᠯᠴᠠᠯᠭ᠎ᠠ ᠪᠤᠯᠤᠨ ᠪᠤᠯᠪᠠᠰᠤᠷᠠᠯ ᠤᠨ ᠠᠵᠢᠯ ᠢ ᠵᠤᠬᠢᠶᠠᠨ ᠪᠠᠶᠢᠭᠤᠯᠤᠨ᠎ᠠ᠃ | ︵7︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠤᠭ᠎ᠠ᠂ ᠴᠠᠭᠲᠠᠭᠠᠨ ᠳᠤ ᠮᠡᠲᠡᠬᠦᠯᠬᠦ | ᠰᠥᠯᠵᠢᠶᠡᠨ ᠤ ᠮᠡᠷᠭᠡᠵᠢᠯ ᠢ ᠰᠤᠲᠤᠯᠤᠨ ᠨᠡᠭᠡᠭᠡᠬᠦ᠂ ᠴᠠᠭᠲᠠᠭᠠᠨ ᠳᠤ ᠮᠡᠲᠡᠬᠦᠯᠬᠦ ᠲᠤᠬᠢᠶ᠎ᠠ ᠶᠢ ᠲᠠᠷᠬᠠᠭᠠᠨ | ᠲᠠᠮᠵᠢᠭᠤᠯᠬᠤ ᠠᠷᠭ᠎ᠠ ᠵᠠᠮ ᠢ ᠥᠷᠭᠡᠳᠭᠡᠬᠦ᠂ ᠠᠭᠠᠷ ᠤᠨ ᠰᠡᠷᠭᠡᠶᠢᠯᠡᠯᠲᠡ ᠶᠢᠨ ᠴᠠᠭᠲᠠᠭᠠᠨ ᠳᠤ ᠮᠡᠲᠡᠬᠦᠯᠬᠦ | ᠰᠥᠯᠵᠢᠶᠠᠨ ᠤ ᠡᠪᠲᠡᠭᠲᠡᠯ ᠢ ᠡᠰᠡᠷᠬᠦᠴᠡᠬᠦ ᠴᠢᠲᠠᠪᠤᠷᠢ ᠪᠤᠯᠤᠨ ᠬᠤᠶᠠᠲᠤᠭᠠᠷ ᠤᠲᠠᠭᠠᠨ ᠤ ᠴᠠᠭᠲᠠᠭᠠᠨ ᠳᠤ ᠮᠡᠲᠡᠬᠦᠯᠬᠦ | ᠴᠢᠲᠠᠪᠤᠷᠢ ᠶᠢ ᠲᠡᠭᠡᠭᠰᠢᠯᠡᠬᠦᠯᠥᠨ᠎ᠠ᠃ | ︵8︶ ᠲᠠᠶᠢᠨ ᠤ ᠥᠶ᠎ᠠ ᠶᠢᠨ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢ ᠵᠢᠯᠤᠭᠤᠳᠬᠤ | ᠪᠠᠶᠢᠭᠤᠯᠤᠮᠵᠢ ᠶᠢᠨ ᠡᠯ᠎ᠠ ᠵᠥᠢᠯ ᠤᠨ ᠴᠢᠮᠡᠭᠡ ᠬᠤᠯᠪᠤᠭᠠᠨ ᠤ ᠪᠠᠲᠤᠯᠠᠭ᠎ᠠ ᠶᠢᠨ ᠠᠵᠢᠯ ᠢ ᠲᠠᠭᠠᠭᠠᠴᠢᠯᠠᠨ᠎ᠠ᠃ | ︵9︶ ᠠᠵᠢᠯ᠂ ᠰᠤᠷᠤᠯᠴᠠᠯᠭ᠎ᠠ᠂ ᠬᠠᠮᠢᠶᠠᠷᠤᠯᠲᠠ ᠶᠢᠨ ᠵᠢᠩᠭᠢᠨᠢ ᠲᠥᠷᠢᠮ ᠢ ᠪᠠᠶᠢᠭᠤᠯᠵᠥ᠂ ᠠᠮᠤᠷ ᠲᠥᠪᠰᠢᠨ᠂ | ᠤᠬᠠᠭᠤᠯᠭ᠎ᠠ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃ | ︵ 10︶ ᠲᠡᠭᠡᠲᠥ ᠱᠠᠲᠤᠨ ᠠᠴᠠ ᠲᠤᠰᠢᠶᠠᠭᠰᠠᠨ ᠪᠤᠰᠤᠳ ᠡᠬᠦᠷᠭᠡ ᠶᠢ ᠪᠡᠶᠡᠯᠡᠬᠦᠯᠥᠨ᠎ᠠ᠃ |