ᠰᠢᠯᠢ ᠶᠢᠨ ᠭᠤᠤᠯ ᠠᠶᠢᠮᠠᠭ  ᠤᠨ ᠠᠷᠠᠳ  ᠤᠨ ᠠᠭᠠᠷ  ᠤᠨ ᠰᠡᠷᠭᠡᠶᠢᠯᠡᠯᠲᠡ  ᠶᠢᠨ ᠠᠯᠪᠠᠨ ᠭᠡᠷ
ᠨᠡᠶᠢᠲᠡᠯᠡᠭᠰᠡᠨ ᠴᠠᠭ᠄
2016/9/30
    2010 ᠤᠨ ᠤ 7 ᠳ᠋ᠤᠭᠠᠷ ᠰᠠᠷ᠎ᠠ ᠶᠢᠨ 16 ᠤ ᠡᠲᠥᠷ᠂ ᠰᠢᠯᠢ ᠶᠢᠨ ᠭᠤᠤᠯ ᠠᠶᠢᠮᠠᠭ ᠤᠨ ᠵᠠᠬᠢᠷᠭᠠᠨ ᠤ ᠠᠯᠪᠠᠨ ᠲᠢᠩᠭᠢᠮ ᠠᠴᠠ ︽ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠭᠤᠤᠯ ᠡᠬᠦᠷᠭᠡ ᠬᠠᠷᠢᠭᠤᠴᠠᠯᠭ᠎ᠠ ᠲᠤᠳᠤᠭᠠᠳᠥ ᠶᠢᠨ ᠪᠠᠶᠢᠭᠤᠯᠤᠮᠵᠢ ᠪᠤᠯᠤᠨ ᠠᠵᠢᠯᠲᠠᠨ ᠤ ᠤᠷᠤᠨ ᠲᠤᠭ᠎ᠠ  ᠶᠢᠨ ᠲᠤᠭᠲᠠᠭᠠᠯ︾ ︵ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠠᠴᠠ ᠲᠠᠷᠬᠠᠭᠠᠭᠰᠠᠨ ︹2010︺ 116 ᠲᠤᠭᠠᠲᠤ︶ ᠢ ᠪᠠᠭᠤᠯᠭᠠᠪᠠ᠃      ︽ᠲᠤᠭᠲᠠᠭᠠᠯ︾ ᠳᠤ ︽ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠢ ᠪᠠᠶᠢᠭᠤᠯᠵᠥ᠂ ᠰᠢᠯᠢ ᠶᠢᠨ ᠭᠤᠤᠯ ᠠᠶᠢᠮᠠᠭ ᠤᠨ ᠠᠷᠠᠳ ᠤᠨ ᠰᠡᠷᠭᠡᠶᠢᠯᠡᠲᠡ ᠶᠢᠨ ᠲᠤᠪᠴᠢᠶᠠᠨ ᠤ ᠫᠠᠶᠢᠰᠠ ᠶᠢ ᠡᠯᠬᠦᠵᠥ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠲᠤ ᠬᠠᠷᠢᠶᠠᠯᠠᠭᠤᠯᠤᠨ᠎ᠠ︾ ᠭᠡᠵᠥ ᠲᠤᠳᠤᠷᠬᠠᠶᠢᠯᠠᠵᠠᠢ᠃ ︽ᠲᠤᠭᠲᠠᠭᠠᠯ︾ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠬᠦᠷᠭᠡ ᠬᠠᠷᠢᠭᠤᠴᠠᠯᠭ᠎ᠠ ᠳᠤ ᠲᠤᠬᠢᠷᠠᠭᠤᠯᠤᠯᠲᠠ ᠬᠢᠪᠡ᠄ ︵ᠨᠢᠭᠡ︶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠥᠬᠡᠶᠢᠰᠬᠡᠬᠦ ᠪᠠᠷ ᠵᠠᠷᠯᠠᠭᠰᠠᠨ ᠵᠠᠰᠠᠭ ᠵᠠᠬᠢᠷᠭᠠᠨ ᠤ  ᠵᠥᠪᠰᠢᠶᠡᠷᠡᠯ ᠢ ᠥᠭᠡᠶᠢᠰᠭᠡᠵᠥ᠂ ᠵᠠᠰᠠᠭ ᠵᠠᠬᠢᠷᠭᠠᠨ ᠤ ᠪᠤᠰᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠲᠥᠷᠥᠯ ᠵᠥᠢᠯ ᠪᠤᠯᠭᠠᠨ᠎ᠠ︔ ︵ᠬᠤᠶᠠᠷ︶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠲᠤᠰᠢᠶᠠᠭᠰᠠᠨ ᠬᠥᠨᠲᠤ ᠴᠢᠬᠤᠯᠠ ᠬᠡᠨᠡᠳᠲᠡ ᠪᠠᠷ ᠡᠬᠦᠰᠥᠭᠰᠡᠨ ᠤᠯᠠᠨ ᠨᠡᠶᠢᠲᠡ ᠶᠢᠨ ᠬᠡᠷᠡᠭ ᠢ ᠰᠢᠢᠳᠪᠤᠷᠢᠯᠡᠬᠦ ᠬᠠᠮᠢᠶ᠎ᠠ ᠪᠥᠬᠦᠢ ᠴᠢᠲᠠᠪᠬᠢ ᠪᠠ ᠡᠬᠦᠷᠭᠡ ᠶᠢ ᠨᠡᠮᠡᠭᠲᠡᠬᠦᠯᠥᠨ᠎ᠠ︔ ︵ᠭᠤᠷᠪᠠ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠠᠮᠰᠢᠭ ᠢ ᠰᠡᠷᠭᠡᠶᠢᠯᠡᠬᠦ ᠥᠢᠯᠡᠲᠥᠯ ᠴᠢᠲᠠᠪᠬᠢ ᠶᠢ ᠲᠡᠬᠦᠯᠲᠡᠷᠵᠢᠬᠦᠯᠵᠥ᠂ ᠠᠭᠠᠷ ᠤᠨ ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢ ᠨᠢᠭᠡ ᠴᠤᠭᠴᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠭᠲᠠᠴᠠ ᠶᠢ ᠪᠠᠶᠢᠭᠤᠯᠤᠨ ᠪᠥᠷᠢᠨᠰᠢᠬᠦᠯᠵᠥ᠂ ᠠᠭᠠᠷ ᠤᠨ ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢᠨ ᠨᠢᠭᠡ ᠴᠤᠭᠴᠠᠵᠢᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ︔ ︽ᠲᠤᠭᠲᠠᠭᠠᠯ︾ ᠳᠤ ︽ᠬᠠᠤᠯᠢ ᠲᠥᠷᠢᠮ ᠤᠨ ᠤᠬᠠᠭᠤᠯᠭ᠎ᠠ ᠶᠢᠨ ᠰᠠᠯᠠᠭ᠎ᠠ ᠨᠡᠮᠡᠵᠥ ᠲᠤᠬᠢᠷᠠᠭᠤᠯᠤᠨ᠎ᠠ︾ ᠭᠡᠵᠥ ᠲᠤᠳᠤᠷᠬᠠᠶᠢᠯᠠᠵᠠᠢ᠃ ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠲᠤ 4 ᠡᠬᠦᠷᠭᠡ ᠴᠢᠲᠠᠪᠬᠢ ᠶᠢᠨ ᠰᠠᠯᠠᠭ᠎ᠠ ᠪᠠᠶᠢᠷᠢᠯᠠᠭᠤᠯᠵᠥ᠂ ᠲᠤᠰᠪᠤᠷᠢ ᠶᠡᠷᠥᠩᠭᠡᠶᠢᠯᠡᠭᠰᠡᠨ ᠰᠠᠯᠠᠭ᠎ᠠ᠂ ᠢᠨᠵᠧᠨᠧᠷᠢᠩ ᠤᠨ ᠰᠠᠯᠠᠭ᠎ᠠ᠂ ᠴᠢᠮᠡᠭᠡ  ᠬᠤᠯᠪᠤᠭᠠᠨ ᠤ ᠵᠢᠯᠤᠭᠤᠳᠬᠤ ᠰᠠᠯᠠᠭ᠎ᠠ᠂ ᠬᠠᠤᠯᠢ ᠲᠥᠷᠢᠮ ᠤᠨ ᠤᠬᠠᠭᠤᠯᠭ᠎ᠠ ᠶᠢᠨ ᠰᠠᠯᠠᠭ᠎ᠠ ᠪᠤᠯᠤᠨ᠎ᠠ᠃ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠤᠷᠤᠨ ᠲᠤᠭ᠎ᠠ 9 ᠪᠠᠶᠢᠵᠥ᠂ ᠡᠬᠦᠨ ᠳᠤ ᠡᠷᠬᠢᠯᠡᠭᠴᠢ 1 ᠨᠡᠷ᠎ᠠ᠂ ᠲᠡᠳ᠋ ᠡᠷᠬᠢᠯᠡᠭᠴᠢ 1 ᠨᠡᠷ᠎ᠠ᠂ ᠲᠡᠳ᠋ ᠪᠠᠶᠢᠴᠠᠭᠠᠨ ᠰᠤᠲᠤᠯᠤᠭᠴᠢ 1 ᠨᠡᠷ᠎ᠠ᠂ ᠰᠠᠯᠠᠭ᠎ᠠ ᠲᠡᠰ ᠤᠨ ᠤᠲᠤᠷᠢᠲᠤᠯᠭ᠎ᠠ ᠶᠢᠨ ᠲᠤᠰᠢᠶᠠᠯ ᠤᠨ ᠲᠤᠭ᠎ᠠ 6 ᠨᠡᠷ᠎ᠠ ︵4 ᠵᠢᠩᠭᠢᠨᠢ᠂ 2 ᠲᠡᠳ᠋︶᠃ ᠬᠢᠨᠠᠨ ᠲᠤᠭᠲᠠᠭᠠᠭᠰᠠᠨ ᠠᠷᠤ ᠲᠠᠯ᠎ᠠ ᠪᠤᠶᠤ ᠲᠤᠰᠠᠯᠠᠬᠤ ᠠᠵᠢᠯᠲᠠᠨ ᠤ ᠤᠷᠤᠨ ᠲᠤᠭ᠎ᠠ 2 ᠨᠡᠷ᠎ᠠ᠃ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠤᠭ᠎ᠠ ᠶᠢ ᠵᠢᠯᠤᠭᠤᠳᠬᠤ ᠪᠠᠲᠤᠯᠠᠭ᠎ᠠ ᠶᠢᠨ ᠲᠥᠪ ᠨᠢ 10 ᠬᠥᠮᠥᠨ ᠤ ᠤᠷᠤᠨ ᠲᠤᠭ᠎ᠠ ᠲᠠᠢ᠂ ᠵᠠᠷᠤᠳᠠᠯ ᠢ ᠪᠥᠬᠦ ᠲᠤᠭ᠎ᠠ ᠪᠠᠷ ᠡᠳ᠋ ᠤᠨ ᠵᠠᠰᠠᠭ ᠠᠴᠠ  ᠤᠯᠭᠤᠬᠤ ᠠᠵᠢᠯ ᠥᠢᠯᠡᠰ ᠤᠨ ᠨᠢᠭᠡᠴᠡ ᠪᠠᠶᠢᠵᠥ᠂ ᠤᠲᠤᠷᠢᠲᠤᠯᠭ᠎ᠠ ᠶᠢᠨ ᠲᠤᠰᠢᠶᠠᠯ ᠤᠨ ᠲᠤᠭ᠎ᠠ 3 ᠨᠡᠷ᠎ᠠ ︵1 ᠵᠢᠩᠭᠢᠨᠢ᠂ 2 ᠲᠡᠳ᠋᠂ 3 ᠰᠠᠯᠠᠭ᠎ᠠ ᠲᠡᠰ ᠤᠨ ᠲᠤᠰᠢᠶᠠᠯ ᠤᠨ ᠲᠤᠭ᠎ᠠ︶ ᠪᠤᠢ᠃      ︵ᠨᠢᠭᠡ︶ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠵᠢᠴᠢ ᠠᠷᠠᠳ ᠤᠨ ᠰᠡᠷᠭᠡᠶᠢᠯᠡᠯᠲᠡ ᠶᠢᠨ ᠲᠤᠪᠴᠢᠶᠠᠨ ᠤ ᠡᠬᠦᠷᠭᠡ ᠬᠠᠷᠢᠭᠤᠴᠠᠯᠭ᠎ᠠ      1. ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠴᠢᠭᠯᠡᠯᠲᠡ᠂ ᠲᠥᠷᠥ ᠶᠢᠨ ᠪᠤᠲᠤᠯᠭ᠎ᠠ᠂ ᠬᠠᠤᠯᠢ ᠲᠥᠷᠢᠮ᠂ ᠬᠠᠤᠯᠢ ᠲᠤᠭᠲᠠᠭᠠᠯ ᠢ ᠲᠤᠤᠱᠯᠠᠭᠤᠯᠤᠨ ᠬᠡᠷᠡᠭᠵᠢᠬᠦᠯᠥᠨ᠎ᠠ᠃      2. ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠮᠲᠠ ᠤᠷᠲᠤ ᠬᠤᠭᠤᠴᠠᠭᠠᠨ ᠤ ᠲᠥᠯᠥᠪᠵᠢᠬᠦᠯᠭᠡ ᠪᠤᠯᠤᠨ ᠤᠨ ᠤ ᠲᠥᠯᠥᠪᠯᠡᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠪᠥᠭᠡᠳ ᠬᠡᠷᠡᠭᠵᠢᠬᠦᠯᠥᠨ᠎ᠠ︔ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠭᠠᠮᠰᠢᠭ ᠲᠠᠢ ᠲᠡᠮᠡᠴᠡᠵᠥ ᠭᠠᠮᠰᠢᠭ ᠠᠴᠠ ᠠᠪᠤᠷᠠᠬᠤ ᠲᠥᠯᠥᠪᠵᠢᠬᠦᠯᠭᠡ ᠪᠤᠯᠤᠨ ᠬᠡᠨᠡᠳᠲᠡ ᠶᠢᠨ ᠴᠢᠨᠠᠷᠲᠠᠢ ᠬᠡᠷᠡᠭ ᠤᠨ ᠪᠠᠴᠢᠮ ᠪᠠᠶᠢᠲᠠᠯ ᠢ ᠠᠷᠭᠠᠴᠠᠬᠤ ᠲᠥᠰᠥᠯ ᠵᠢᠴᠢ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ ᠠᠪᠤᠷᠠᠬᠤ ᠲᠥᠰᠥᠯ ᠢ ᠨᠠᠶᠢᠷᠠᠭᠤᠯᠬᠤ ᠪᠥᠭᠡᠳ ᠬᠢᠨᠠᠯᠲᠠ ᠲᠠᠯᠪᠢᠵᠥ ᠬᠡᠷᠡᠭᠵᠢᠬᠦᠯᠥᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠤᠲᠤᠬᠢ ᠮᠡᠷᠭᠡᠵᠢᠯ ᠤᠨ ᠲᠠᠪᠴᠠᠩ᠂ ᠡᠬᠢ ᠪᠠᠶ᠋ᠯᠠᠢᠭ ᠪᠤᠯᠤᠨ ᠲᠥᠭᠦᠭᠡᠷᠥᠮᠵᠢ ᠶᠢ ᠠᠰᠢᠭᠯᠠᠨ᠂ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ ᠠᠪᠤᠷᠠᠬᠤ ᠪᠤᠯᠤᠨ ᠬᠡᠨᠡᠳᠲᠡ ᠶᠢᠨ ᠴᠢᠨᠠᠷᠲᠠᠢ ᠬᠡᠷᠡᠭ ᠶᠠᠪᠤᠲᠠᠯ ᠤᠨ ᠪᠠᠴᠢᠮ ᠪᠠᠶᠢᠲᠠᠯ ᠢ ᠠᠷᠭᠠᠴᠠᠵᠥ ᠰᠢᠢᠳᠪᠤᠷᠢᠯᠡᠬᠦ ᠳᠤ ᠤᠷᠤᠯᠴᠠᠨ᠎ᠠ᠃     3. ᠠᠶᠢᠮᠠᠭ ᠤᠨ ᠵᠠᠬᠢᠷᠭ᠎ᠠ᠂ ᠴᠡᠷᠢᠭ ᠤᠨ ᠬᠤᠪᠢᠶᠠᠷᠢ ᠲᠤᠭᠤᠷᠢᠭ ᠪᠤᠯᠤᠨ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠰᠤᠷᠠᠭ ᠴᠢᠮᠡᠭᠡ ᠬᠠᠷᠢᠯᠴᠠᠨ ᠨᠡᠪᠲᠡᠷᠡᠯᠴᠡᠭᠰᠡᠨ᠂ ᠪᠠᠴᠢᠮ ᠪᠠᠶᠢᠲᠠᠯ ᠢ ᠠᠷᠭᠠᠴᠠᠵᠥ ᠠᠪᠤᠷᠠᠨ ᠲᠤᠰᠠᠯᠠᠬᠤ ᠰᠥᠯᠵᠢᠶ᠎ᠠ ᠶᠢ ᠪᠠᠶᠢᠭᠤᠯᠬᠤ ᠪᠤᠯᠤᠨ ᠠᠭᠠᠷ ᠤᠨ ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢ ᠬᠠᠮᠲᠤᠷᠠᠭᠤᠯᠤᠭᠰᠠᠨ ᠪᠠᠴᠢᠮ ᠪᠠᠶᠢᠲᠠᠯ ᠢ ᠠᠷᠭᠠᠴᠠᠬᠤ ᠵᠢᠵᠢᠬᠦᠷᠯᠡᠬᠦ ᠲᠥᠷᠢᠮ ᠤᠨ ᠬᠡᠷᠡᠭᠵᠢᠬᠦᠯᠥᠯᠲᠠ ᠶᠢ ᠬᠠᠷᠢᠭᠤᠴᠠᠨ᠎ᠠ᠃    4. ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ   ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠬᠦᠯᠭᠡ ᠪᠤᠯᠤᠨ ᠤᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ  ᠶᠢᠨ ᠲᠥᠯᠥᠪᠯᠡᠭᠡ ᠶᠢ ᠲᠤᠭᠤᠷᠪᠢᠵᠥ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠲᠥᠯᠥᠪᠵᠢᠬᠦᠯᠭᠡ ᠶᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠶᠡᠷᠥᠩᠭᠡᠢ ᠲᠥᠯᠥᠪᠵᠢᠬᠦᠯᠭᠡ ᠳᠤ ᠤᠷᠤᠭᠤᠯᠤᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ︵ᠠᠭᠠᠷ ᠤᠨ ᠰᠡᠷᠭᠡᠶᠢᠯᠡᠯᠲᠡ ᠶᠢᠨ ᠭᠠᠵᠠᠷ ᠲᠤᠤᠷᠠᠬᠢ ᠭᠡᠷ︶ ᠶᠢᠨ ᠠᠩᠬ᠎ᠠ ᠠᠯᠬᠤᠮ ᠤᠨ ᠲᠥᠯᠥᠪᠯᠡᠭᠡ ᠪᠤᠯᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠨ᠎ᠠ︔ ᠪᠥᠲᠥᠭᠡᠨ ᠪᠠᠶᠢᠭᠤᠯᠵᠥ ᠪᠠᠶᠢᠭ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ ᠲᠤ ᠬᠠᠤᠯᠢ ᠶᠤᠰᠤᠭᠠᠷ ᠬᠢᠨᠠᠯᠲᠠ ᠲᠠᠯᠪᠢᠨ᠎ᠠ︔ ᠤᠷᠤᠨ ᠰᠠᠭᠤᠴᠠ ᠪᠤᠯᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠬᠤᠲᠠ ᠶᠢᠨ ᠭᠠᠵᠠᠷ ᠲᠤᠤᠷᠠᠬᠢ ᠤᠷᠤᠨ ᠵᠠᠢ ᠶᠢ ᠲᠥᠯᠥᠪᠵᠢᠬᠦᠯᠬᠦ᠂ ᠨᠡᠭᠡᠭᠡᠨ ᠬᠥᠭᠵᠢᠬᠦᠯᠵᠥ ᠠᠰᠢᠭᠯᠠᠬᠤ ᠪᠤᠯᠤᠨ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ︵ᠪᠠᠬᠢᠯᠡᠯᠲᠡ︶ ᠶᠢᠨ ᠬᠠᠮᠢᠶᠠᠷᠤᠯᠲᠠ ᠶᠢ ᠬᠠᠷᠢᠭᠤᠴᠠᠵᠥ᠂ ᠠᠮᠤᠷ ᠲᠥᠪᠰᠢᠨ ᠢᠶᠠᠷ ᠬᠡᠷᠡᠭᠯᠡᠵᠥ᠂ ᠬᠤᠲᠠ ᠶᠢᠨ ᠪᠥᠲᠥᠭᠡᠨ ᠪᠠᠶᠢᠭᠤᠯᠤᠯᠲᠠ ᠵᠢᠴᠢ ᠬᠤᠲᠠ ᠶᠢᠨ ᠭᠠᠵᠠᠷ ᠲᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ ᠠᠵᠢᠯ ᠳᠤ ᠬᠢᠨᠠᠯᠲᠠ ᠲᠠᠯᠪᠢᠵᠥ ᠵᠢᠯᠤᠭᠤᠲᠤᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠠᠷᠬᠠᠭᠠᠬᠤ ᠭᠠᠵᠠᠷ ᠤᠨ ᠪᠥᠲᠥᠭᠡᠨ ᠪᠠᠶᠢᠭᠤᠯᠤᠯᠲᠠ ᠶᠢ ᠵᠤᠬᠢᠶᠠᠨ ᠪᠠᠶᠢᠭᠤᠯᠤᠨ᠎ᠠ᠃    5. ᠰᠢᠯᠢ ᠶᠢᠨ ᠭᠤᠤᠯ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠠᠭ ᠴᠢᠮᠡᠭᠡᠨ ᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ︔ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠵᠢᠯᠤᠭᠤᠲᠤᠨ᠎ᠠ᠃    6. ᠬᠤᠲᠠ ᠶᠢᠨ ᠠᠭᠠᠷ ᠤᠨ ᠲᠠᠭᠠᠷᠢᠯᠲᠠ ᠶᠢ ᠰᠡᠷᠭᠡᠶᠢᠯᠡᠬᠦ ᠲᠥᠰᠥᠯ ᠪᠤᠯᠤᠨ ᠡᠯ᠎ᠠ ᠵᠥᠢᠯ ᠤᠨ ᠪᠠᠲᠤᠯᠠᠭ᠎ᠠ ᠶᠢᠨ ᠲᠥᠯᠥᠪᠯᠡᠭᠡ ᠶᠢ ᠵᠤᠬᠢᠶᠠᠨ ᠪᠠᠶᠢᠭᠤᠯᠤᠨ ᠲᠤᠭᠤᠷᠪᠢᠵᠥ᠂ ᠬᠤᠲᠠ ᠶᠢᠨ ᠴᠢᠬᠤᠯᠠ ᠠᠵᠤ ᠠᠬᠤᠢ ᠶᠢ ᠬᠠᠮᠠᠭᠠᠯᠠᠬᠤ ᠬᠠᠷᠠᠯᠲᠠ ᠪᠤᠯᠤᠨ ᠡᠯ᠎ᠠ ᠵᠥᠢᠯ ᠤᠨ ᠪᠠᠲᠤᠯᠠᠭ᠎ᠠ ᠶᠢᠨ ᠲᠥᠰᠥᠯ ᠢ ᠵᠢᠯᠤᠭᠤᠳᠬᠤ ᠪᠥᠭᠡᠳ ᠬᠢᠨᠠᠯᠲᠠ ᠲᠠᠯᠪᠢᠵᠥ ᠪᠠᠶᠢᠴᠠᠭᠠᠨ᠎ᠠ᠃    7. ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠰᠬᠠᠢ ᠡᠩᠨᠡᠭᠡ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ  ᠶᠢ ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠶᠢ ᠵᠤᠬᠢᠶᠠᠨ ᠪᠠᠶᠢᠭᠤᠯᠬᠤ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠲᠡᠯᠭᠡ ᠶᠢᠨ ᠬᠥᠮᠥᠵᠢᠯ ᠢ ᠥᠷᠨᠢᠬᠦᠯᠥᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠢᠯᠲᠠ ᠪᠤᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠲᠤᠯᠭᠠᠨ ᠢ ᠵᠤᠬᠢᠶᠠᠨ ᠪᠠᠶᠢᠭᠤᠯᠤᠨ᠎ᠠ᠃    8. ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠵᠠᠷᠤᠲᠠᠯ ᠰᠥᠢᠳᠭᠡᠯ  ᠢ ᠬᠤᠷᠠᠮᠲᠤᠭᠤᠯᠬᠤ ᠪᠤᠯᠤᠨ ᠬᠠᠮᠢᠶᠠᠷᠬᠤ ᠶᠢ ᠬᠠᠷᠢᠭᠤᠴᠠᠵᠥ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠲᠤᠲᠤᠭᠠᠲᠤᠬᠢ ᠬᠢᠨᠠᠨ ᠪᠤᠲᠤᠯᠲᠠ ᠪᠤᠯᠤᠨ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠲᠤᠰᠬᠠᠢ ᠬᠠᠮᠢᠶᠠᠷᠤᠯᠲᠠ ᠶᠢ ᠬᠠᠷᠢᠭᠤᠴᠠᠨ᠎ᠠ᠃    9. ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠤᠭᠠᠨ ᠤ ᠴᠠᠭᠲᠠᠭᠠᠨ ᠳᠤ ᠮᠡᠲᠡᠬᠦᠯᠬᠦ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ︔ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠦᠷᠠᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠤᠭᠠᠨ ᠤ ᠲᠥᠭᠦᠭᠡᠷᠥᠮᠵᠢ᠂ ᠠᠭᠠᠷ ᠤᠨ ᠰᠡᠷᠭᠡᠶᠢᠯᠡᠯᠲᠡ ᠶᠢᠨ ᠴᠠᠭᠲᠠᠭᠠᠨ ᠳᠤ ᠮᠡᠲᠡᠬᠦᠯᠬᠦ ᠰᠢᠰᠲ᠋ᠧᠮ ᠢ ᠠᠰᠢᠭᠯᠠᠨ ᠠᠵᠤ ᠠᠬᠤᠢ ᠶᠢᠨ ᠪᠥᠲᠥᠭᠡᠨ ᠪᠠᠶᠢᠭᠤᠯᠤᠯᠲᠠ ᠪᠤᠯᠤᠨ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ ᠠᠪᠤᠷᠬᠠᠤ ᠳᠤ ᠥᠢᠯᠡᠴᠢᠯᠡᠬᠦ ᠠᠵᠢᠯ ᠢ ᠰᠠᠶᠢᠲᠤᠷ ᠬᠢᠨ᠎ᠠ᠃   10. ᠲᠠᠶᠢᠨ ᠤ ᠥᠶ᠎ᠠ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠠᠭᠠᠷ ᠤᠨ ᠲᠠᠭᠠᠷᠢᠯᠲᠠ ᠶᠢᠨ ᠰᠡᠷᠭᠡᠶᠢᠯᠡᠬᠦ ᠵᠢᠯᠤᠭᠤᠲᠤᠯᠭ᠎ᠠ ᠶᠢ ᠪᠥᠲᠥᠮᠵᠢᠲᠡᠢ ᠬᠡᠷᠡᠭᠵᠢᠬᠦᠯᠬᠦ ᠶᠢ ᠪᠠᠲᠤᠯᠠᠨ᠎ᠠ︔ ᠲᠠᠶᠢᠨ ᠤ ᠥᠶ᠎ᠠ ᠳᠤ᠂ ᠬᠡᠨᠡᠳᠲᠡ ᠶᠢᠨ ᠲᠠᠭᠠᠷᠢᠯᠲᠠ ᠶᠢ ᠴᠠᠭᠲᠠᠭᠠᠨ ᠳᠤ ᠮᠡᠲᠡᠬᠦᠯᠬᠦ ᠪᠤᠯᠤᠨ ᠳ᠋ᠸᠡᠭ ᠬᠡᠷᠡᠯᠲᠥᠬᠦᠯᠭᠡ ᠶᠢ ᠵᠠᠬᠢᠷᠤᠨ ᠬᠠᠮᠢᠶᠠᠷᠬᠤ᠂ ᠬᠥᠮᠥᠨ ᠬᠠᠷ᠎ᠠ ᠶᠢ ᠲᠠᠷᠬᠠᠭᠠᠠᠨ ᠲᠠᠯᠲᠠᠯᠠᠬᠤ ᠶᠢ ᠬᠠᠷᠢᠭᠤᠴᠠᠵᠥ᠂ ᠭᠠᠵᠠᠷ ᠲᠤᠤᠷᠠᠬᠢ ᠠᠭᠠᠷ ᠤᠨ ᠰᠡᠷᠭᠡᠶᠢᠯᠡᠯᠲᠡ ᠪᠤᠯᠤᠨ ᠬᠤᠲᠠ ᠶᠢᠨ ᠰᠡᠷᠭᠡᠶᠢᠯᠡᠨ ᠪᠠᠶᠢᠯᠲᠤᠬᠤ ᠲᠠᠶᠢᠯᠠᠯᠲᠤᠭᠠᠨ ᠲᠠᠢ ᠬᠠᠮᠲᠤᠷᠠᠨ᠂ ᠬᠠᠮᠢᠶ᠎ᠠ ᠪᠥᠬᠦᠢ ᠰᠠᠯᠠᠭ᠎ᠠ ᠮᠥᠴᠢᠷ ᠢ ᠬᠠᠪᠰᠤᠷᠤᠨ ᠠᠮᠢᠲᠤᠷᠠᠯ ᠤᠨ ᠬᠠᠨᠭ᠍ᠭᠠᠯᠭ᠎ᠠ ᠪᠤᠯᠤᠨ ᠪᠤᠰᠤᠳ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠥ᠂ ᠠᠭᠠᠷ ᠤᠨ ᠲᠠᠭᠠᠷᠢᠯᠲᠠ ᠶᠢᠨ ᠤᠷᠰᠢᠭ ᠢ ᠵᠤᠬᠢᠶᠠᠨ ᠪᠠᠶᠢᠭᠤᠯᠤᠨ ᠠᠷᠢᠯᠭᠠᠨ᠎ᠠ᠃    11. ᠰᠢᠯᠢ ᠶᠢᠨ ᠭᠤᠤᠯ ᠠᠶᠢᠮᠠᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ ᠶᠢᠨ ᠵᠥᠪᠯᠡᠯ ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ᠂ ᠴᠡᠷᠢᠭ ᠤᠨ ᠬᠤᠪᠢᠶᠠᠷᠢ ᠲᠤᠭᠤᠷᠢᠭ ᠵᠢᠴᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠠᠴᠠ ᠲᠤᠰᠢᠶᠠᠨ ᠬᠢᠯᠭᠡᠬᠦ ᠪᠤᠰᠤᠳ ᠵᠥᠢᠯ ᠢ ᠲᠠᠭᠠᠭᠠᠴᠢᠯᠠᠨ ᠬᠢᠨ᠎ᠠ᠃    ︵ᠬᠤᠶᠠᠷ︶ ᠲᠤᠲᠤᠭᠠᠲᠤ ᠪᠠᠶᠢᠭᠤᠯᠤᠮᠵᠢ ᠶᠢᠨ ᠡᠬᠦᠷᠭᠡ ᠬᠠᠷᠢᠭᠤᠴᠠᠯᠭ᠎ᠠ    1. ᠶᠡᠷᠥᠩᠭᠡᠶᠢᠯᠡᠭᠰᠡᠨ ᠰᠠᠯᠠᠭ᠎ᠠ    ᠤᠲᠤᠷᠢᠲᠤᠯᠭ᠎ᠠ ᠳᠤ ᠬᠠᠪᠰᠤᠷᠴᠥ᠂ ᠪᠠᠶᠢᠭᠤᠯᠭ᠎ᠠ ᠶᠢᠨ ᠡᠲᠥᠷ ᠲᠤᠲᠤᠮ ᠤᠨ ᠠᠵᠢᠯ ᠢ ᠰᠢᠢᠳᠪᠤᠷᠢᠯᠡᠵᠥ᠂ ᠪᠠᠶᠢᠭᠤᠯᠭ᠎ᠠ ᠶᠢᠨ ᠵᠠᠰᠠᠭ ᠤᠨ ᠶᠠᠪᠤᠲᠠᠯ᠂ ᠬᠡᠷᠡᠭ ᠶᠠᠪᠤᠲᠠᠯ ᠢ ᠬᠠᠷᠢᠭᠤᠴᠠᠨ᠎ᠠ︔ ᠪᠠᠶᠢᠭᠤᠯᠭ᠎ᠠ ᠪᠤᠯᠤᠨ ᠬᠠᠷᠢᠶᠠᠲᠤ ᠪᠠᠶᠢᠭᠤᠯᠤᠮᠵᠢ ᠶᠢᠨ ᠤᠷᠤᠨ ᠲᠤᠭ᠎ᠠ᠂ ᠠᠵᠢᠯᠲᠠᠨ ᠤ ᠶᠠᠪᠤᠲᠠᠯ ᠤᠨ ᠬᠠᠮᠢᠶᠠᠷᠤᠯᠲᠠ ᠶᠢ ᠬᠠᠷᠢᠭᠤᠴᠠᠨ᠎ᠠ︔ ᠶᠡᠷᠥᠩᠭᠡᠶᠢᠯᠡᠭᠰᠡᠨ ᠪᠠᠶᠢᠴᠠᠭᠠᠨ ᠰᠤᠲᠤᠯᠤᠯᠲᠠ ᠬᠢᠬᠦ᠂ ᠲᠥᠷᠥ ᠶᠢᠨ ᠪᠤᠲᠤᠯᠭ᠎ᠠ ᠰᠤᠲᠤᠯᠬᠤ᠂ ᠬᠤᠷᠠᠯ ᠵᠤᠬᠢᠶᠠᠨ ᠪᠠᠶᠢᠭᠤᠯᠬᠤ᠂ ᠡᠭᠡ ᠪᠢᠴᠢᠭ ᠨᠤᠤᠷᠠᠭᠯᠠᠬᠤ᠂ ᠰᠤᠷᠠᠭ ᠴᠢᠮᠡᠭᠡ ᠪᠤᠯᠤᠨ ᠠᠯᠪᠠᠨ ᠭᠡᠷ ᠤᠨ ᠠᠦ᠋ᠲᠴᠢᠯᠠᠭᠰᠠᠨ ᠬᠠᠮᠢᠶᠠᠷᠤᠯᠲᠠ᠂ ᠨᠠᠷᠢᠨ ᠪᠢᠴᠢᠭᠡᠴᠢ ᠲᠠᠩᠰᠠ ᠡᠪᠭᠡᠮᠡᠯ᠂ ᠨᠢᠭᠤᠴᠠ ᠶᠢ ᠬᠠᠮᠠᠭᠠᠯᠠᠬᠤ ᠠᠮᠤᠷ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ︔ ᠶᠡᠷᠥᠩᠭᠡᠶᠢᠯᠡᠨ ᠵᠠᠰᠠᠬᠤ ᠪᠤᠯᠤᠨ ᠤᠶᠤᠨ ᠰᠠᠨᠠᠭᠠᠨ ᠤ ᠪᠤᠯᠪᠠᠰᠤᠨ ᠢ ᠡᠬᠦᠲᠥᠨ ᠪᠠᠶᠢᠭᠤᠯᠬᠤ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠪᠠᠶᠢᠭᠤᠯᠤᠯᠲᠠ ᠵᠢᠴᠢ ᠠᠵᠢᠯ ᠠᠴᠠ ᠰᠠᠯᠵᠥ ᠠᠮᠤᠰᠬᠢᠭᠰᠠᠨ ᠪᠠ ᠨᠠᠰᠤᠨ ᠤ ᠠᠮᠠᠷᠠᠯᠲᠠ ᠪᠠᠨ ᠠᠪᠤᠭᠰᠠᠨ ᠬᠥᠮᠥᠰ ᠤᠨ ᠬᠠᠮᠢᠶᠠᠷᠤᠯᠲᠠ ᠪᠤᠯᠤᠨ ᠥᠢᠯᠡᠴᠢᠯᠡᠭᠡ ᠶᠢ ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠳ᠋ ᠤᠨ ᠶᠠᠪᠤᠲᠠᠯ ᠤᠨ ᠲᠥᠯᠥᠪᠯᠡᠭᠡ ᠪᠤᠯᠤᠨ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠢ ᠲᠤᠭᠲᠠᠭᠠᠯ ᠢ ᠬᠠᠷᠢᠭᠤᠴᠠᠨ ᠲᠤᠭᠲᠠᠭᠠᠨ᠎ᠠ︔ ᠵᠠᠷᠤᠲᠠᠯ ᠰᠥᠢᠳᠭᠡᠯ ᠤᠨ ᠤᠷᠤᠯᠭ᠎ᠠ ᠵᠠᠷᠤᠯᠭ᠎ᠠ ᠶᠢ ᠬᠢᠨᠠᠨ ᠬᠠᠮᠢᠶᠠᠷᠴᠥ᠂ ᠵᠠᠷᠤᠲᠠᠯ ᠰᠥᠢᠳᠭᠡᠯ ᠢ ᠬᠡᠷᠡᠭᠯᠡᠭᠰᠡᠨ ᠪᠠᠶᠢᠲᠠᠯ  ᠢ ᠬᠢᠨᠠᠨ ᠪᠤᠲᠤᠵᠥ ᠬᠢᠨᠠᠯᠲᠠ ᠲᠠᠯᠪᠢᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠡᠳ᠋ ᠬᠥᠷᠥᠩᠭᠡ ᠡᠳ᠋ ᠤᠨ ᠶᠠᠪᠤᠲᠠᠯ ᠤᠨ ᠬᠠᠮᠢᠶᠠᠷᠤᠯᠲᠠ ᠪᠤᠯᠤᠨ ᠲᠤᠲᠤᠭᠠᠲᠤᠬᠢ ᠬᠢᠨᠠᠨ ᠪᠤᠲᠤᠬᠤ ᠠᠵᠢᠯ ᠢ ᠬᠠᠷᠢᠭᠤᠴᠠᠨ᠎ᠠ︔ ᠪᠥᠬᠦ ᠵᠢᠯ ᠤᠨ ᠡᠳ᠋ ᠤᠨ ᠶᠠᠪᠤᠲᠠᠯ ᠤᠨ ᠲᠥᠰᠥᠪ ᠪᠤᠯᠤᠨ ᠲᠥᠰᠥᠪ ᠤᠨ ᠬᠥᠢᠴᠡᠳᠭᠡᠯ ᠢ ᠨᠠᠶᠢᠷᠠᠭᠤᠯᠤᠨ ᠮᠡᠲᠡᠬᠦᠯᠥᠨ᠎ᠠ︔ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠲᠥᠰᠥᠪ ᠪᠤᠯᠤᠨ ᠲᠥᠰᠥᠪ ᠤᠨ ᠬᠥᠢᠴᠡᠳᠭᠡᠯ ᠢ ᠬᠢᠨᠠᠨ ᠪᠠᠶᠢᠴᠠᠭᠠᠨ᠎ᠠ︔ ᠪᠠᠶᠢᠭᠤᠯᠭ᠎ᠠ ᠶᠢᠨ ᠡᠳ᠋ ᠤᠨ ᠶᠠᠪᠤᠲᠠᠯ ᠤᠨ ᠠᠵᠢᠯ ᠢ ᠬᠠᠷᠢᠭᠤᠴᠠᠨ᠎ᠠ᠃    2. ᠢᠨᠵᠧᠨᠧᠷᠢᠩ ᠤᠨ ᠰᠠᠯᠠᠭ᠎ᠠ    ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠬᠦᠯᠭᠡ ᠶᠢ ᠬᠠᠷᠢᠭᠤᠴᠠᠨ ᠨᠠᠶᠢᠷᠠᠭᠤᠯᠬᠤ ᠪᠥᠭᠡᠳ ᠵᠤᠬᠢᠶᠠᠨ ᠪᠠᠶᠢᠭᠤᠯᠤᠨ ᠬᠡᠷᠡᠭᠵᠢᠬᠦᠯᠥᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠶᠡᠷᠥᠩᠭᠡᠶᠢᠯᠡᠭᠰᠡᠨ ᠲᠤᠭ᠎ᠠ ᠪᠥᠷᠢᠳᠭᠡᠯ ᠢ ᠬᠠᠷᠢᠭᠤᠴᠠᠨ᠎ᠠ︔ ᠠᠷᠠᠳ ᠤᠨ ᠠᠭᠠᠷ  ᠤᠨ ᠰᠡᠷᠭᠡᠶᠢᠯᠡᠯᠲᠡ ᠶᠢᠨ ᠢᠨᠵᠧᠨᠧᠷᠢᠩ ︵ᠠᠭᠠᠷ ᠤᠨ ᠰᠡᠷᠭᠡᠶᠢᠯᠡᠯᠲᠡ ᠶᠢᠨ ᠭᠠᠵᠠᠷ ᠲᠤᠤᠷᠠᠬᠢ ᠭᠡᠷ︶ ᠤᠨ ᠠᠩᠬᠠᠨ ᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠲᠠᠭᠤᠰᠬᠠᠵᠥ ᠰᠢᠯᠭᠠᠨ ᠪᠠᠶᠢᠴᠠᠭᠠᠬᠤ ᠲᠠᠩᠰᠠᠠᠯᠠᠬᠤ ᠶᠢ ᠬᠢᠨᠠᠨ ᠪᠠᠶᠢᠴᠠᠭᠠᠬᠤ ᠵᠢᠴᠢ ᠲᠠᠩᠰᠠ ᠡᠪᠭᠡᠮᠡᠯ ᠪᠠᠶᠢᠭᠤᠯᠬᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠪᠤᠯᠤᠨ ᠲᠤᠭᠲᠠᠭᠰᠠᠨ ᠠᠵᠢᠯ ᠢ ᠬᠠᠷᠢᠭᠤᠴᠠᠨ᠎ᠠ︔ ᠪᠥᠲᠥᠭᠡᠨ ᠪᠠᠶᠢᠭᠤᠯᠵᠥ ᠪᠠᠶᠢᠭ᠎ᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ ᠲᠤ ᠬᠠᠤᠯᠢ ᠶᠤᠰᠤᠭᠠᠷ ᠬᠢᠨᠠᠯᠲᠠ ᠲᠠᠯᠪᠢᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠤᠨᠤᠭ ᠲᠥᠭᠦᠭᠡᠷᠥᠮᠵᠢ ᠶᠢ ᠰᠡᠯᠪᠢᠨ ᠵᠠᠰᠠᠵᠥ ᠬᠠᠮᠢᠶᠠᠷᠬᠤ ᠪᠤᠯᠤᠨ ᠨᠡᠭᠡᠭᠡᠨ ᠬᠥᠭᠵᠢᠬᠦᠯᠬᠦ ᠵᠢᠴᠢ ᠥᠭᠡᠷᠡᠴᠢᠯᠡᠨ ᠪᠠᠶᠢᠭᠤᠯᠬᠤ᠂ ᠨᠤᠷᠠᠭᠠᠬᠤ᠂ ᠠᠰᠢᠭᠯᠠᠯᠲᠠ ᠠᠴᠠ ᠭᠠᠷᠭᠠᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠡᠩ ᠤᠨ ᠥᠶ᠎ᠠ ᠪᠠ ᠲᠠᠶᠢᠨ ᠤ ᠥᠶ᠎ᠠ ᠶᠢᠨ ᠴᠢᠲᠠᠪᠬᠢ ᠶᠢ ᠰᠤᠯᠢᠬᠤ ᠲᠥᠰᠥᠯ ᠢ ᠲᠤᠭᠲᠠᠭᠠᠬᠤ ᠪᠥᠭᠡᠳ ᠵᠤᠬᠢᠶᠠᠨ ᠪᠠᠶᠢᠭᠤᠯᠤᠨ ᠬᠡᠷᠡᠭᠵᠢᠬᠦᠯᠥᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠶᠡᠷᠥᠩᠭᠡᠶᠢᠯᠡᠭᠰᠨᠨ ᠰᠤᠷᠠᠭ ᠴᠢᠮᠡᠭᠡᠨ ᠤ ᠲᠤᠭ᠎ᠠ ᠪᠥᠷᠢᠳᠭᠡᠯ ᠢ ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠪᠡᠯᠡ  ᠬᠤᠷᠠᠮᠲᠤᠭᠤᠯᠬᠤ ᠶᠢ ᠬᠠᠷᠢᠭᠤᠴᠠᠨ᠎ᠠ︔ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ  ᠪᠥᠲᠥᠭᠡᠨ ᠪᠠᠶᠢᠭᠤᠯᠬᠤ ᠪᠤᠯᠤᠨ ᠪᠡᠯᠡ ᠬᠤᠷᠠᠮᠲᠤᠭᠤᠯᠬᠤ ᠠᠵᠢᠯ ᠢ ᠵᠢᠯᠤᠭᠤᠲᠤᠨ᠎ᠠ᠃    3. ᠴᠢᠮᠡᠭᠡ ᠬᠤᠯᠪᠤᠭᠠᠨ ᠤ ᠵᠢᠯᠤᠭᠤᠳᠬᠤ ᠰᠠᠯᠠᠭ᠎ᠠ     ᠬᠤᠲᠠ ᠶᠢᠨ ᠠᠭᠠᠷ ᠤᠨ ᠲᠠᠭᠠᠷᠢᠯᠲᠠ ᠶᠢ ᠰᠡᠷᠭᠡᠶᠢᠯᠡᠬᠦ ᠲᠥᠰᠥᠯ᠂ ᠪᠠᠴᠢᠮ ᠪᠠᠶᠢᠲᠠᠯ ᠢ ᠠᠷᠭᠠᠴᠠᠬᠤ ᠠᠵᠢᠯᠯᠠᠭᠠᠨ ᠤ ᠲᠥᠰᠥᠯ ᠪᠤᠯᠤᠨ ᠡᠯ᠎ᠠ ᠵᠥᠢᠯ ᠤᠨ ᠪᠠᠲᠤᠯᠠᠭ᠎ᠠ ᠶᠢᠨ ᠲᠥᠯᠥᠪᠯᠡᠭᠡ ᠶᠢ ᠬᠠᠷᠢᠭᠤᠴᠠᠨ ᠲᠤᠭᠤᠷᠪᠢᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ ᠠᠪᠤᠷᠠᠬᠤ ᠲᠤᠰᠬᠠᠢ ᠡᠩᠨᠡᠭᠡ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ︔ ᠠᠭᠠᠷ ᠤᠨ ᠲᠠᠭᠠᠷᠢᠯᠲᠠ ᠶᠢ ᠰᠡᠷᠭᠡᠶᠢᠯᠡᠬᠦ ᠪᠠ ᠭᠠᠮᠰᠢᠭ ᠠᠴᠠ ᠰᠡᠷᠭᠡᠶᠢᠯᠡᠵᠥ ᠭᠠᠮᠰᠢᠭ ᠠᠴᠠ ᠠᠪᠤᠷᠠᠬᠤ ᠰᠤᠷᠢᠯᠲᠠ ᠶᠢ ᠵᠤᠬᠢᠶᠠᠨ ᠪᠠᠶᠢᠭᠤᠯᠤᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠠᠭ ᠴᠢᠮᠡᠭᠡᠵᠢᠯᠲᠡ ᠶᠢᠨ ᠪᠥᠲᠥᠭᠡᠨ ᠪᠠᠶᠢᠭᠤᠯᠤᠯᠲᠠ ᠶᠢ ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠵᠢᠴᠢ ᠪᠠᠴᠢᠮ ᠪᠠᠶᠢᠲᠠᠯ ᠢ ᠠᠷᠭᠠᠴᠠᠵᠥ ᠭᠠᠮᠰᠢᠭ ᠠᠴᠠ ᠠᠪᠤᠷᠠᠬᠤ ᠰᠤᠷᠠᠭ ᠴᠢᠮᠡᠭᠡᠵᠢᠯᠲᠡ ᠶᠢᠨ ᠵᠢᠯᠭᠤᠳᠬᠤ ᠲᠠᠪᠴᠠᠩ ᠢ ᠪᠠᠶᠢᠭᠤᠯᠵᠥ᠂ ᠰᠤᠷᠠᠭ ᠴᠢᠮᠡᠭᠡᠨ ᠤ ᠪᠠᠲᠤᠯᠠᠭ᠎ᠠ ᠥᠢᠯᠡᠴᠢᠯᠡᠭᠡ ᠬᠠᠨᠭ᠍ᠭᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠲᠠᠰᠤᠲᠤ ᠪᠠ ᠤᠳᠠᠰᠥ ᠥᠬᠡᠢ ᠴᠢᠮᠡᠭᠡ ᠬᠤᠯᠪᠤᠭᠠᠨ ᠤ ᠪᠠᠲᠤᠯᠠᠭ᠎ᠠ ᠶᠢ ᠬᠠᠷᠢᠭᠤᠴᠠᠨ᠎ᠠ︔ ᠠᠷᠠᠳ  ᠤᠨ ᠠᠭᠠᠷ  ᠤᠨ ᠰᠡᠷᠭᠡᠶᠢᠯᠡᠯᠲᠡ ᠶᠢᠨ ᠴᠢᠮᠡᠭᠡ ᠬᠤᠯᠪᠤᠭ᠎ᠠ ᠂ ᠴᠠᠭᠲᠠᠭᠠᠨ ᠳᠤ ᠮᠡᠲᠡᠬᠦᠯᠬᠦ ᠰᠥᠯᠵᠢᠶ᠎ᠠ  ᠶᠢᠨ ᠪᠠᠶᠢᠭᠤᠯᠤᠯᠲᠠ ᠶᠢᠨ ᠲᠥᠯᠥᠪᠵᠢᠬᠦᠯᠭᠡ ᠶᠢ ᠲᠤᠭᠲᠠᠭᠠᠬᠤ ᠪᠥᠭᠡᠳ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ︔ ᠠᠶᠢᠮᠠᠭ ᠤᠨ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠳᠬᠤ ᠭᠠᠵᠠᠷ ᠪᠤᠯᠤᠨ ᠨᠡᠬᠦᠲᠡᠯ ᠵᠢᠯᠤᠭᠤᠳᠬᠤ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠥᠬᠦ ᠠᠶᠢᠮᠠᠭ ᠤᠨ ᠴᠢᠬᠤᠯᠠ ᠠᠵᠤ ᠠᠬᠤᠢ ᠶᠢᠨ ᠬᠠᠷᠠᠯᠲᠠ ᠶᠢᠨ ᠠᠵᠢᠯ  ᠢ ᠵᠢᠯᠤᠭᠤᠲᠤᠨ᠎ᠠ︔ ᠲᠠᠶᠢᠨ  ᠤ ᠪᠡᠯᠡᠳᠭᠡᠯ ᠤᠨ ᠵᠢᠵᠢᠬᠦᠷᠯᠡᠬᠦ ᠠᠵᠢᠯ ᠢ ᠬᠠᠷᠢᠭᠤᠴᠠᠨ᠎ᠠ᠃    4. ᠬᠠᠤᠯᠢ ᠲᠥᠷᠢᠮ ᠤᠨ ᠤᠬᠠᠭᠤᠯᠭ᠎ᠠ ᠶᠢᠨ ᠰᠠᠯᠠᠭ᠎ᠠ    ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ᠂ ᠬᠢᠨᠠᠯᠲᠠ ᠲᠠᠯᠪᠢᠵᠥ ᠪᠠᠶᠢᠴᠠᠭᠠᠬᠤ᠂ ᠵᠠᠰᠠᠭ ᠵᠠᠬᠢᠷᠭᠠᠨ ᠤ ᠬᠤᠷᠠᠯ ᠵᠡᠷᠭᠡ ᠠᠵᠢᠯ ᠢ ᠬᠠᠷᠢᠭᠤᠴᠠᠨ᠎ᠠ︔ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠥᠮᠥᠵᠢᠯ᠂ ᠠᠭᠠᠷ ᠤᠨ ᠰᠡᠷᠭᠡᠶᠢᠯᠡᠯᠲᠡ ᠭᠠᠮᠰᠢᠭ ᠤᠨ ᠰᠡᠷᠭᠡᠶᠢᠯᠡᠯᠲᠡ ᠶᠢᠨ ᠮᠡᠲᠡᠯᠭᠡ ᠶᠢ ᠤᠬᠠᠭᠤᠯᠬᠤ ᠵᠢᠴᠢ ᠪᠤᠯᠪᠠᠰᠤᠷᠠᠯ ᠬᠥᠷᠲᠡᠭᠡᠬᠦ ᠠᠵᠢᠯ ᠢ ᠬᠠᠷᠢᠭᠤᠴᠠᠨ᠎ᠠ᠃    5. ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠤᠷᠠᠭ  ᠴᠢᠮᠡᠭᠡ ᠶᠢ ᠵᠢᠯᠤᠭᠤᠳᠬᠤ ᠪᠠᠲᠤᠯᠠᠭᠠᠨ ᠤ ᠲᠥᠪ    ︵1︶ ᠲᠤᠰ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠲᠠᠰᠤᠲᠤ᠂  ᠤᠲᠠᠰᠤ ᠥᠭᠡᠢ ᠴᠢᠮᠡᠭᠡ ᠬᠤᠯᠪᠤᠭ᠎ᠠ ᠶᠢ ᠬᠠᠷᠢᠭᠤᠴᠠᠵᠥ᠂ ᠵᠢᠵᠢᠬᠦᠷᠯᠡᠬᠦ ᠵᠢᠴᠢ ᠲᠤᠨᠤᠭ ᠲᠥᠭᠦᠭᠡᠷᠥᠮᠵᠢ ᠶᠢ ᠰᠡᠯᠪᠢᠨ ᠵᠠᠰᠠᠬᠤ ᠬᠠᠮᠢᠶᠠᠷᠤᠯᠲᠠ ᠪᠤᠯᠤᠨ ᠮᠡᠷᠭᠡᠵᠢᠯ ᠤᠨ ᠪᠠᠲᠤᠯᠠᠭ᠎ᠠ ᠶᠢ ᠬᠠᠷᠢᠭᠤᠴᠠᠨ᠎ᠠ᠃    ︵2︶ ᠪᠥᠬᠦ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠳᠬᠤ ᠭᠠᠵᠠᠷ ᠤᠨ ᠴᠢᠮᠡᠭᠡ ᠬᠤᠯᠪᠤᠭᠠᠨ ᠤ ᠵᠢᠵᠢᠬᠦᠷ ᠵᠢᠴᠢ ᠴᠢᠮᠡᠭᠡ ᠬᠤᠯᠪᠤᠭᠠᠨ ᠤ ᠬᠠᠮᠢᠶ᠎ᠠ ᠪᠥᠬᠦᠢ ᠲᠤᠨᠤᠭ ᠲᠥᠭᠦᠭᠡᠷᠥᠮᠵᠢ   ᠶᠢ ᠠᠰᠢᠭᠯᠠᠬᠤ ᠪᠠ ᠬᠠᠮᠠᠭᠠᠯᠠᠬᠤ ᠠᠵᠢᠯ ᠢ ᠲᠠᠭᠠᠭᠠᠴᠢᠯᠠᠨ᠎ᠠ᠃    ︵3︶ ᠴᠢᠮᠡᠭᠡ ᠬᠤᠯᠪᠤᠭᠠᠨ ᠤ ᠵᠢᠯᠤᠭᠤᠳᠬᠤ ᠰᠠᠯᠠᠭ᠎ᠠ ᠲᠠᠢ ᠬᠠᠮᠵᠢᠯᠴᠠᠨ᠂ ᠪᠥᠬᠦ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠲᠤᠯᠭ᠎ᠠ ᠶᠢᠨ ᠠᠦ᠋ᠲ᠋ᠤᠴᠢᠯᠠᠭᠰᠠᠨ ᠰᠥᠯᠵᠢᠶ᠎ᠠ᠂ ᠴᠠᠭᠲᠠᠭᠠᠨ ᠳᠤ ᠮᠡᠲᠡᠬᠦᠯᠬᠦ ᠴᠢᠮᠡᠭᠡ ᠬᠤᠯᠪᠤᠭᠠᠨ ᠤ ᠰᠥᠯᠵᠢᠶ᠎ᠠ ᠶᠢᠨ ᠪᠠᠶᠢᠭᠤᠯᠤᠯᠲᠠ ᠶᠢᠨ ᠲᠥᠯᠥᠪᠵᠢᠬᠦᠯᠭᠡ᠂ ᠴᠠᠭᠲᠠᠭᠠᠨ ᠳᠤ ᠮᠡᠲᠡᠬᠦᠯᠬᠦ ᠴᠡᠭ ᠢ ᠲᠤᠬᠢᠷᠠᠭᠤᠯᠬᠤ ᠠᠵᠢᠯ ᠢ ᠰᠠᠶᠢᠲᠤᠷ ᠬᠢᠨ᠎ᠠ᠃    ︵4︶ ᠲᠤᠰ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠤᠯᠪᠠᠰᠤᠷᠠᠯ᠂ ᠰᠤᠷᠢᠯᠲᠠ ᠲᠤᠮᠲᠠᠬᠢ ᠴᠢᠮᠡᠭᠡ ᠬᠤᠯᠪᠤᠭᠠᠨ ᠤ ᠮᠡᠷᠭᠡᠵᠢᠯ ᠢ ᠪᠠᠲᠤᠯᠠᠬᠤ ᠡᠷᠬᠦᠭᠡ ᠶᠢ ᠲᠠᠭᠠᠭᠠᠴᠢᠯᠠᠨ᠎ᠠ᠃    ︵5︶ ᠪᠥᠬᠦ ᠠᠶᠢᠮᠠᠭ ᠤᠨ ᠴᠠᠭᠲᠠᠭᠠᠨ ᠳᠤ ᠮᠡᠲᠡᠬᠦᠯᠬᠦ  ᠬᠠᠮᠠᠭᠠᠯᠠᠯᠲᠠ᠂  ᠬᠠᠮᠢᠶᠠᠷᠤᠯᠲᠠ ᠶᠢᠨ ᠬᠠᠮᠢᠶ᠎ᠠ ᠪᠥᠬᠦᠢ ᠲᠥᠷᠢᠮ᠂ ᠲᠤᠭᠲᠠᠭᠠᠯ ᠢ ᠬᠠᠷᠢᠭᠤᠴᠠᠨ ᠲᠤᠭᠲᠠᠭᠠᠵᠥ᠂ ᠮᠡᠲᠡᠬᠦᠯᠥᠯᠲᠡ ᠪᠤᠯᠤᠨ ᠰᠠᠨᠠᠭᠤᠯᠭ᠎ᠠ ᠲᠤᠷᠠᠲᠤᠨ᠎ᠠ᠃    ︵6︶ ᠴᠠᠭᠲᠠᠭᠠᠨ ᠳᠤ ᠮᠡᠲᠡᠬᠦᠯᠬᠦ ᠬᠠᠮᠢᠶᠠᠷᠤᠯᠲᠠ ᠶᠢ ᠪᠤᠲᠠᠲᠠᠢ ᠬᠥᠢᠴᠡᠳᠭᠡᠬᠦ ᠬᠥᠮᠥᠰ ᠤᠨ ᠲᠤᠬᠠᠢᠢᠯᠠᠭᠰᠠᠨ ᠠᠵᠢᠯ ᠤᠨ ᠰᠤᠷᠤᠯᠴᠠᠯᠭ᠎ᠠ ᠪᠤᠯᠤᠨ ᠪᠤᠯᠪᠠᠰᠤᠷᠠᠯ ᠤᠨ ᠠᠵᠢᠯ ᠢ ᠵᠤᠬᠢᠶᠠᠨ ᠪᠠᠶᠢᠭᠤᠯᠤᠨ᠎ᠠ᠃    ︵7︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠤᠭ᠎ᠠ᠂ ᠴᠠᠭᠲᠠᠭᠠᠨ ᠳᠤ ᠮᠡᠲᠡᠬᠦᠯᠬᠦ ᠰᠥᠯᠵᠢᠶᠡᠨ ᠤ ᠮᠡᠷᠭᠡᠵᠢᠯ ᠢ ᠰᠤᠲᠤᠯᠤᠨ ᠨᠡᠭᠡᠭᠡᠬᠦ᠂ ᠴᠠᠭᠲᠠᠭᠠᠨ ᠳᠤ ᠮᠡᠲᠡᠬᠦᠯᠬᠦ ᠲᠤᠬᠢᠶ᠎ᠠ ᠶᠢ ᠲᠠᠷᠬᠠᠭᠠᠨ ᠲᠠᠮᠵᠢᠭᠤᠯᠬᠤ ᠠᠷᠭ᠎ᠠ ᠵᠠᠮ ᠢ ᠥᠷᠭᠡᠳᠭᠡᠬᠦ᠂ ᠠᠭᠠᠷ ᠤᠨ ᠰᠡᠷᠭᠡᠶᠢᠯᠡᠯᠲᠡ ᠶᠢᠨ ᠴᠠᠭᠲᠠᠭᠠᠨ ᠳᠤ ᠮᠡᠲᠡᠬᠦᠯᠬᠦ ᠰᠥᠯᠵᠢᠶᠠᠨ ᠤ ᠡᠪᠲᠡᠭᠲᠡᠯ ᠢ ᠡᠰᠡᠷᠬᠦᠴᠡᠬᠦ ᠴᠢᠲᠠᠪᠤᠷᠢ ᠪᠤᠯᠤᠨ ᠬᠤᠶᠠᠲᠤᠭᠠᠷ ᠤᠲᠠᠭᠠᠨ ᠤ ᠴᠠᠭᠲᠠᠭᠠᠨ ᠳᠤ ᠮᠡᠲᠡᠬᠦᠯᠬᠦ ᠴᠢᠲᠠᠪᠤᠷᠢ ᠶᠢ ᠲᠡᠭᠡᠭᠰᠢᠯᠡᠬᠦᠯᠥᠨ᠎ᠠ᠃    ︵8︶  ᠲᠠᠶᠢᠨ ᠤ ᠥᠶ᠎ᠠ ᠶᠢᠨ ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢ ᠵᠢᠯᠤᠭᠤᠳᠬᠤ ᠪᠠᠶᠢᠭᠤᠯᠤᠮᠵᠢ ᠶᠢᠨ ᠡᠯ᠎ᠠ ᠵᠥᠢᠯ ᠤᠨ ᠴᠢᠮᠡᠭᠡ ᠬᠤᠯᠪᠤᠭᠠᠨ ᠤ ᠪᠠᠲᠤᠯᠠᠭ᠎ᠠ ᠶᠢᠨ ᠠᠵᠢᠯ ᠢ ᠲᠠᠭᠠᠭᠠᠴᠢᠯᠠᠨ᠎ᠠ᠃    ︵9︶ ᠠᠵᠢᠯ᠂ ᠰᠤᠷᠤᠯᠴᠠᠯᠭ᠎ᠠ᠂ ᠬᠠᠮᠢᠶᠠᠷᠤᠯᠲᠠ ᠶᠢᠨ ᠵᠢᠩᠭᠢᠨᠢ ᠲᠥᠷᠢᠮ ᠢ ᠪᠠᠶᠢᠭᠤᠯᠵᠥ᠂ ᠠᠮᠤᠷ ᠲᠥᠪᠰᠢᠨ᠂ ᠤᠬᠠᠭᠤᠯᠭ᠎ᠠ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃   ︵ 10︶ ᠲᠡᠭᠡᠲᠥ ᠱᠠᠲᠤᠨ ᠠᠴᠠ  ᠲᠤᠰᠢᠶᠠᠭᠰᠠᠨ ᠪᠤᠰᠤᠳ ᠡᠬᠦᠷᠭᠡ ᠶᠢ ᠪᠡᠶᠡᠯᠡᠬᠦᠯᠥᠨ᠎ᠠ᠃
 
ᠢᠷᠡᠯᠲᠡ᠄ ᠰᠢᠯᠢ ᠶᠢᠨ ᠭᠤᠤᠯ ᠠᠶᠢᠮᠠᠭ  ᠤᠨ ᠠᠷᠠᠳ  ᠤᠨ ᠠᠭᠠᠷ  ᠤᠨ ᠰᠡᠷᠭᠡᠶᠢᠯᠡᠯᠲᠡ  ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号