ᠰᠥᠨᠢᠳ ᠵᠡᠬᠦᠨ ᠬᠤᠰᠢᠭᠤᠨ ᠤ 5 ᠤᠯᠠᠭᠠᠨ ᠢᠲᠡᠭᠡᠨ ᠡᠳ᠋ᠰᠢᠬᠦᠯᠥᠨ ᠪᠤᠯᠪᠠᠰᠤᠷᠠᠭᠤᠯᠬᠤ ᠠᠵᠤ ᠠᠬᠤᠢᠢᠯᠠᠯ | ᠰᠥᠨᠢᠳ ᠬᠤᠨᠢ ᠬᠤᠲᠠᠯᠲᠤᠨ ᠠᠪᠬᠤ ᠥᠨ᠎ᠠ ᠪᠠᠨ ᠲᠡᠭᠡᠭᠰᠢᠯᠡᠬᠦᠯᠵᠥ᠂ ᠮᠥᠷᠲᠡᠨ ᠨᠡᠭᠡᠮᠵᠢᠯᠡᠬᠦ ᠰᠢᠰᠲ᠋ᠧᠮ ᠤᠨ | ᠡᠬᠡᠮᠥᠭ ᠵᠡᠬᠦᠯᠭᠡᠭᠰᠡᠨ ᠬᠤᠨᠢᠨ ᠤ 18 — 28 ᠵᠢᠩ ᠤᠨ ᠬᠡᠨᠭᠭᠦᠲᠡᠭ ᠢ ᠵᠢᠩ ᠪᠥᠷᠢ ᠳᠡᠭᠡᠨ 1 ᠲᠥᠭᠦᠷᠢᠭ | ᠨᠡᠮᠡᠭᠲᠡᠬᠦᠯᠥᠭᠡᠳ ᠤᠲᠤ ᠵᠢᠩ ᠪᠥᠷᠢ ᠳᠤᠨᠢ 15.5 ᠲᠥᠭᠦᠷᠢᠭ ᠢᠶᠠᠷ ᠬᠤᠲᠠᠯᠲᠤᠨ ᠠᠪᠴᠥ ᠪᠠᠶᠢᠨ᠎ᠠ᠃ | ᠵᠠᠬ᠎ᠠ ᠲᠡᠯᠭᠡᠭᠦᠷ ᠤᠨ ᠬᠤᠲᠠᠯᠲᠤᠨ ᠠᠪᠬᠤ ᠥᠨ᠎ᠠ ᠳᠤᠤᠷ᠎ᠠ ᠪᠠᠶᠢᠲᠠᠯ ᠳᠤ ᠴᠢᠭᠯᠡᠬᠦᠯᠥᠨ᠂ ᠲᠤᠰ ᠬᠤᠰᠢᠭᠤᠨ ᠤ | ᠵᠠᠰᠠᠭ ᠤᠨ ᠤᠷᠲᠤᠨ ᠵᠢᠴᠢ ᠬᠥᠭᠵᠢᠬᠦᠯᠥᠯᠲᠡ ᠪᠠ ᠥᠭᠡᠷᠡᠴᠢᠯᠡᠯᠲᠡ᠂ ᠠᠵᠤ ᠠᠬᠤᠢ ᠰᠤᠷᠠᠭ ᠴᠢᠮᠡᠭᠡᠵᠢᠯᠲᠠ᠂ | ᠬᠤᠲᠠᠯᠲᠤᠭᠠᠨ ᠤ ᠶᠠᠪᠤᠲᠠᠯ ᠵᠡᠷᠭᠡ ᠰᠠᠯᠠᠭ᠎ᠠ ᠮᠥᠴᠢᠷ ᠠᠷᠭ᠎ᠠ ᠪᠥᠬᠦᠨ ᠢ ᠰᠥᠪᠡᠭᠴᠢᠯᠡᠨ ᠮᠠᠯᠴᠢᠳ ᠤᠨ ᠬᠥᠴᠢᠷᠲᠡᠯ ᠢ | ᠰᠢᠢᠳᠪᠤᠷᠢᠯᠡᠵᠥ ᠪᠠᠶᠢᠨ᠎ᠠ᠃ ᠲᠤᠰ ᠬᠤᠰᠢᠭᠤ ᠡᠯ᠎ᠠ ᠤᠯᠠᠭᠠᠨ ᠢᠲᠡᠭᠡᠨ ᠡᠳ᠋ᠰᠢᠬᠦᠯᠥᠨ ᠪᠤᠯᠪᠠᠰᠤᠷᠠᠭᠤᠯᠬᠤ ᠠᠵᠤ | ᠠᠬᠤᠢᠢᠯᠠᠯ ᠲᠠᠢ ᠬᠠᠮᠲᠤᠪᠠᠷ ᠵᠠᠬ᠎ᠠ ᠲᠡᠯᠭᠡᠭᠦᠷ ᠤᠨ ᠪᠠᠶᠢᠲᠠᠯ ᠢ ᠵᠠᠲᠠᠯᠵᠥ᠂ ᠠᠷᠭ᠎ᠠ ᠬᠡᠮᠵᠢᠶ᠎ᠠ ᠰᠥᠪᠡᠭᠴᠢᠯᠡᠵᠥ᠂ | ᠢᠲᠡᠪᠬᠢᠲᠡᠢ ᠪᠠᠷ ᠵᠠᠬ᠎ᠠ ᠲᠡᠯᠭᠡᠭᠦᠷ ᠨᠡᠭᠡᠭᠡᠵᠥ ᠪᠤᠢ᠃ ᠠᠵᠤ ᠠᠬᠤᠢᠢᠯᠠᠯ ᠴᠥ ᠬᠤᠨᠢ ᠬᠤᠲᠠᠯᠲᠤᠨ ᠠᠪᠬᠤ ᠥᠨ᠎ᠠ ᠪᠠᠨ | ᠠᠲᠠᠯᠢ ᠪᠤᠰᠤ ᠬᠡᠮᠵᠢᠶ᠎ᠠ ᠪᠠᠷ ᠲᠡᠭᠡᠭᠰᠢᠯᠡᠬᠦᠯᠵᠥ᠂ ᠤᠨᠴᠠᠭᠠᠢᠢᠯᠠᠨ ᠮᠥᠷᠲᠡᠨ ᠨᠡᠭᠡᠮᠵᠢᠯᠡᠬᠦ ᠰᠢᠰᠲ᠋ᠧᠮ ᠤᠨ ᠡᠭᠡᠮᠥᠭ | ᠵᠡᠬᠦᠯᠭᠡᠭᠰᠡᠨ ᠬᠤᠨᠢ ᠶᠢ ᠬᠤᠲᠠᠯᠲᠤᠨ ᠠᠪᠬᠤ ᠥᠨ᠎ᠠ ᠶᠢ ᠮᠡᠲᠡᠭᠲᠡᠮ᠎ᠠ ᠨᠡᠮᠡᠭᠲᠡᠬᠦᠯᠥᠨ᠎ᠠ ᠬᠡᠵᠥ ᠢᠯᠡᠷᠭᠡᠶᠢᠯᠡᠵᠡᠭᠡᠪᠡ᠃ | ᠲᠤᠰ ᠬᠤᠰᠢᠭᠤ 2014 ᠤᠨ ᠠᠴᠠ ᠡᠬᠢᠯᠡᠨ ᠬᠤᠨᠢᠨ ᠮᠢᠬᠠᠨ ᠤ ᠠᠵᠤ ᠥᠢᠯᠡᠰ ᠤᠨ ᠪᠥᠬᠦ ᠶᠠᠪᠤᠴᠠ ᠶᠢ ᠮᠥᠷᠲᠡᠨ | ᠨᠡᠭᠡᠮᠵᠢᠯᠡᠬᠦ ᠰᠢᠰᠲ᠋ᠧᠮ ᠢ ᠪᠠᠶᠢᠭᠤᠯᠵᠥ᠂ ᠬᠤᠷᠠᠭ᠎ᠠ ᠶᠢ ᠠᠷᠠᠴᠢᠯᠠᠨ ᠮᠠᠯᠵᠢᠬᠤ᠂ ᠬᠢᠵᠢᠭ ᠢ ᠰᠡᠷᠭᠡᠶᠢᠯᠡᠬᠦ᠂ ᠡᠳ᠋ᠰᠢᠬᠦᠯᠥᠨ | ᠪᠤᠯᠪᠠᠰᠤᠷᠠᠭᠤᠯᠬᠤ᠂ ᠵᠦᠬᠡᠬᠡᠪᠤᠷᠢᠯᠡᠬᠦ ᠵᠢᠴᠢ ᠪᠤᠷᠤᠯᠠᠭᠤᠯᠬᠤ ᠬᠥᠷᠲᠡᠯᠡᠬᠢ ᠡᠯ᠎ᠠ ᠭᠤᠭᠴᠤᠭ᠎ᠠ ᠳᠤ ᠰᠢᠰᠲ᠋ᠧᠮ ᠲᠠᠢ ᠪᠠᠷ | ᠰᠤᠷᠠᠭ ᠵᠠᠩᠭᠢ ᠶᠢᠨ ᠲᠠᠩᠰᠠ ᠡᠪᠭᠡᠮᠡᠯ ᠪᠠᠶᠢᠭᠤᠯᠵᠠᠢ᠃ ᠤᠲᠤᠬᠠᠨ ᠮᠥᠷᠲᠡᠨ ᠨᠡᠭᠡᠮᠵᠢᠯᠡᠬᠦ ᠰᠢᠰᠲ᠋ᠧᠮ ᠤᠨ | ᠪᠠᠶᠢᠭᠤᠯᠤᠯᠲᠠ ᠳᠤ ᠤᠷᠤᠯᠴᠠᠭᠰᠠᠨ 5 ᠠᠵᠤ ᠠᠬᠤᠢᠢᠯᠠᠯ ᠨᠢᠭᠡᠨᠲᠡ ᠮᠥᠷᠲᠡᠨ ᠨᠡᠭᠡᠮᠵᠢᠯᠡᠬᠦ ᠰᠢᠰᠲ᠋ᠧᠮ ᠤᠨ ᠡᠭᠡᠮᠥᠭ | ᠵᠡᠬᠦᠯᠭᠡᠭᠰᠡᠨ 23056 ᠬᠤᠨᠢ ᠶᠢ ᠬᠤᠲᠠᠯᠲᠤᠨ ᠠᠪᠴᠥ ᠡᠳ᠋ᠰᠢᠬᠦᠯᠥᠨ ᠪᠤᠯᠪᠠᠰᠤᠷᠠᠭᠤᠯᠵᠠᠢ᠃ |