ᠰᠦᠨᠢᠳ ᠪᠠᠷᠠᠭᠤᠨ ᠬᠤᠰᠢᠭᠤ ᠠᠯᠠᠰᠢᠨ ᠤ ᠵᠠᠬ᠎ᠠ ᠲᠡᠯᠬᠡᠬᠦᠷ ᠢ ᠴᠡᠭᠴᠡᠯᠡᠨ ᠳᠦᠷᠢᠮᠵᠢᠭᠦᠯᠪᠡ
ᠨᠡᠶᠢᠲᠡᠯᠡᠭᠰᠡᠨ ᠴᠠᠭ᠄
2016/9/5
    ᠠᠯᠠᠰᠢᠨ ᠤ ᠵᠠᠬ᠎ᠠ ᠲᠡᠯᠬᠡᠬᠦᠷ ᠢ ᠤᠯᠠᠮ ᠨᠢᠬᠡ ᠠᠯᠬᠤᠮ ᠲᠦᠷᠢᠮᠵᠢᠬᠦᠯᠦᠨ᠂ ᠲᠤᠷ᠎ᠠ ᠪᠠᠷ ᠢᠶᠠᠨ ᠮᠠᠯ ᠨᠢᠳᠤᠯᠬᠦ ᠵᠢᠴᠢ ᠬᠠᠮᠢᠶ᠎ᠠ ᠪᠦᠬᠦᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠬᠤᠷᠢᠭᠯᠠᠵᠤ᠂ ᠤᠯᠠᠭᠠᠨ ᠢᠳᠡᠬᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ᠂ ᠰᠦᠨᠢᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠢᠳᠡᠬᠡᠨ ᠡᠮ ᠤᠨ ᠵᠦᠢᠯᠡᠰ ᠪᠠ ᠦᠢᠯᠡᠳᠪᠤᠷᠢ ᠬᠤᠳᠠᠯᠳᠤᠭ᠎ᠠ ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠳᠤᠷᠠᠨ ᠮᠠᠯ ᠵᠢᠬᠦᠷᠳᠡᠨ ᠢ ᠲᠤᠷ᠎ᠠ ᠪᠠᠷ ᠢᠶᠠᠨ ᠠᠯᠠᠵᠤ ᠨᠢᠳᠤᠯᠵᠤ ᠪᠠᠶᠢᠭ᠎ᠠ ᠠᠵᠢᠯᠯᠠᠭ᠎ᠠ ᠶᠢ ᠵᠠᠰᠠᠨ ᠴᠡᠭᠴᠡᠯᠡᠵᠤ᠂ ᠲᠤᠭᠳᠠᠭᠰᠠᠨ ᠭᠠᠵᠠᠷ ᠲᠤ ᠠᠯᠠᠵᠤ ᠨᠢᠳᠤᠯᠤᠨ᠂ ᠲᠦᠪᠯᠡᠷᠡᠬᠦᠯᠦᠨ ᠬᠢᠵᠢᠭ ᠢ ᠪᠠᠶᠢᠴᠠᠭᠠᠬᠤ ᠬᠠᠮᠢᠶᠠᠷᠤᠯᠳᠠ ᠶᠢᠨ ᠠᠷᠭ᠎ᠠ ᠶᠢ ᠬᠡᠷᠡᠭᠵᠢᠬᠦᠯᠪᠠ᠃        ᠡᠨᠡ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ ᠭᠤᠤᠯᠳᠠᠭᠤ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠬᠡᠷ ᠬᠤᠨᠢ ᠠᠯᠠᠵᠤ ᠨᠢᠳᠤᠯᠬᠦ ᠬᠠᠮᠢᠶᠠᠷᠤᠯᠳᠠ ᠶᠢᠨ ᠠᠷᠭ᠎ᠠ︾ ᠪᠠ ᠲᠤᠰ ᠬᠤᠰᠢᠭᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠤᠰᠤᠯᠠᠵᠤ᠂ ᠰᠠᠶᠢᠬᠠᠠᠳᠠᠯ᠎ᠠ ᠠᠵᠤ ᠦᠢᠯᠡᠳᠪᠤᠷᠢ ᠶᠢᠨ ᠲᠤᠭᠤᠷᠢᠭ ᠤᠨ ᠤᠤᠯ ᠤᠨ ᠮᠤᠳᠤᠨ ᠮᠠᠲ᠋ᠧᠷᠢᠶᠠᠯ ᠤᠨ ᠺᠤᠮᠫᠠᠨᠢ ᠶᠢᠨ ᠬᠦᠷᠢᠶᠠᠨ ᠳᠠᠬᠢ ᠸᠧᠢ ᠯᠢᠦᠢ ᠠᠯᠠᠰᠢᠨ ᠤ ᠭᠠᠵᠠᠷ ᠢ ᠲᠤᠰᠬᠠᠢ ᠠᠯᠠᠰᠢᠨ ᠤ ᠭᠠᠵᠠᠷ ᠢᠶᠠᠷ ᠲᠤᠭᠳᠠᠭᠠᠨ᠂ ᠲᠤᠭᠳᠠᠭᠰᠠᠨ ᠠᠯᠠᠰᠢᠨ ᠤ ᠭᠠᠵᠠᠷ ᠠᠴᠠ ᠪᠤᠰᠤᠳ ᠭᠠᠵᠠᠷ ᠲᠤ ᠶᠠᠮᠠᠷᠪᠠ ᠨᠢᠬᠡᠴᠡ ᠪᠤᠯᠤᠨ ᠬᠤᠪᠢ ᠬᠦᠮᠦᠨ ᠦᠬᠡᠷ ᠬᠤᠨᠢ ᠠᠯᠠᠵᠤ ᠨᠢᠳᠤᠯᠵᠤ ᠪᠤᠯᠬᠤ ᠦᠬᠡᠢ᠂ ᠲᠤᠷ᠎ᠠ ᠪᠠᠷ ᠢᠶᠠᠨ ᠠᠯᠠᠵᠤ ᠨᠢᠳᠤᠯᠦᠭᠰᠠᠨ ᠲᠡᠯᠬᠡᠬᠦᠷ ᠬᠤᠳᠠᠯᠳᠤᠭ᠎ᠠ ᠪᠠ ᠬᠤᠪᠢ ᠬᠦᠮᠦᠨ ᠢ ᠬᠠᠮᠢᠶ᠎ᠠ ᠪᠦᠬᠦᠢ ᠬᠠᠤᠯᠢ ᠲᠦᠷᠢᠮ ᠢ ᠦᠨᠳᠤᠰᠤᠯᠠᠵᠤ ᠰᠢᠳᠬᠡᠯ ᠤᠯᠭᠤᠨ᠎ᠠ ᠬᠡᠵᠤ ᠲᠤᠭᠳᠠᠭᠠᠵᠠᠢ᠃       ︽ᠡᠷᠳᠡᠮᠳᠤ ᠤᠯᠠᠭᠠᠨ ᠢᠳᠡᠭᠡᠨ ᠤ ᠭᠠᠵᠠᠷ︾ ᠤᠨ ᠡᠵᠡᠭᠳᠠᠢ ᠲᠤᠭᠤᠷ᠎ᠠ᠄ ︽ᠠᠳᠡᠬᠢ ᠤᠰᠤ ᠴᠠᠬᠢᠯᠭᠠᠨ ᠨᠢ ᠪᠦᠷ ᠦᠨ᠎ᠡ ᠲᠦᠯᠦᠪᠤᠷᠢ ᠦᠬᠡᠢ᠂ ᠬᠡᠷᠡᠭᠯᠡᠬᠡᠨ ᠤ ᠶᠠᠭᠤᠮᠠᠰ ᠨᠢ ᠴᠦ ᠪᠡᠯᠡᠨ ᠪᠠᠶᠢᠨ᠎ᠠ᠃ ᠬᠤᠨᠢᠨ ᠤ ᠪᠠᠭᠠᠰᠤ ᠰᠢᠬᠡᠰᠤ ᠪᠠᠨ ᠠᠰᠬᠠᠬᠤ ᠳᠤ ᠪᠠᠰᠠ ᠠᠮᠠᠷᠬᠠᠨ ᠪᠤᠯᠴᠢᠬᠠᠭᠰᠠᠨ᠃ ᠪᠢᠳᠡ ᠬᠤᠳᠠ ᠳᠤ ᠬᠤᠨᠢ ᠵᠠᠷᠤᠪᠠᠯ ᠪᠠᠭᠠᠰᠤ ᠰᠢᠬᠡᠰᠤ ᠶᠢ ᠨᠢ ᠠᠰᠬᠠᠬᠤ ᠳᠤ ᠲᠦᠬᠦᠮ ᠦᠬᠡᠢ᠂ ᠨᠡᠩ ᠴᠦ ᠨᠠᠮᠤᠷ ᠪᠤᠯᠪᠠᠯ ᠤᠯᠠᠨ ᠬᠤᠨᠢ ᠵᠠᠷᠤᠬᠤ ᠪᠤᠯᠬᠤᠷ ᠨᠡᠩ ᠭᠡᠴᠡᠭᠦᠤ ᠪᠠᠶᠢᠳᠠᠭ᠃ ᠤᠳᠤ ᠬᠤᠰᠢᠭᠤᠨ ᠠᠴᠠ ᠪᠢᠳᠡᠨ ᠳᠤ ᠡᠶᠢᠮᠤ ᠲᠦᠬᠦᠮ ᠭᠠᠵᠠᠷ ᠤᠯᠵᠤ ᠦᠭᠬᠦᠭᠰᠡᠨ ᠳᠤ ᠶᠡᠭᠡ ᠪᠠᠶᠠᠷᠯᠠᠵᠤ ᠪᠠᠶᠢᠨ᠎ᠠ︾ ᠬᠡᠵᠤ ᠶᠠᠷᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号